ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠳᠤᠮᠳᠠᠳᠤ ᠮᠣᠩᠭᠣᠯ ᠬᠣᠶᠠᠷ ᠤᠯᠤᠰ᠎ᠤᠨ ᠳᠡᠯᠭᠡᠨ ᠦᠵᠡᠭᠦᠯᠦᠯᠭᠡ ᠵᠢᠨ ᠴᠤᠭᠯᠠᠭ᠋ᠠᠨ᠎ᠤ 《ᠪᠡᠯᠡ ᠣᠷᠣᠭᠤᠯᠤᠯᠲᠠ ᠵᠢᠨ ᠠᠷᠠᠯᠵᠢᠶ᠎ᠠ ᠵᠢᠨ ᠵᠦᠪᠳᠡᠯᠴᠡᠭᠡᠷ》᠎ᠤᠨ ᠬᠡᠰᠡᠭ᠎ᠤᠨ ᠠᠬᠢᠴᠠ ᠵᠢᠨ ᠪᠠᠢ᠌ᠳᠠᠯ᠎ᠤᠨ ᠲᠤᠬᠠᠢ ᠲᠠᠢ᠌ᠯᠤᠮᠵᠢ
ᠨᠡᠶ᠋ᠢᠲᠡᠯᠡᠭᠰᠡᠨ ᠴᠠᠭ᠄ 2015-11-06

      ᠰᠤᠷᠪᠤᠯᠵᠢᠯᠠᠭᠰᠠᠨ ᠴᠠᠭ᠄ 2015 ᠣᠨ᠎ᠤ10 ᠳ᠋ᠤᠭ᠋ᠠᠷ ᠰᠠᠷ᠎ᠠ ᠵᠢᠨ 30᠎ᠤ ᠡᠳᠦᠷ᠎ᠤᠨ 10 ᠴᠠᠭ
      ᠰᠣᠷᠪᠤᠯᠵᠢᠯᠠᠭᠰᠠᠨ ᠵᠣᠴᠢᠨ᠄ ᠦᠪᠡᠷᠲᠡᠭᠡᠨ ᠵᠠᠰᠠᠬᠤ ᠤᠷᠤᠨ᠎ᠤ ᠬᠦᠭᠵᠢᠭᠦᠯᠦᠯᠲᠡ ᠦᠭᠡᠷᠴᠢᠯᠡᠯᠲᠡ ᠵᠢᠨ ᠵᠦᠪᠯᠡᠯ᠎ᠤᠨ ᠳᠡᠳ᠋ ᠡᠷᠬᠢᠯᠡᠭᠴᠢ   ᠸᠸᠢ ᠰᠢᠶᠣᠣ ᠮᠢᠩ
      ᠰᠣᠷᠪᠤᠯᠵᠢᠯᠠᠭᠰᠠᠨ ᠲᠣᠪᠴᠢ ᠲᠠᠨᠢᠯᠴᠠᠭᠤᠯᠭ᠎ᠠ  ᠄
     10   ᠳ᠋ᠤᠭ᠋ᠠᠷ ᠰᠠᠷ᠎ᠠ ᠵᠢᠨ 27᠎ᠤ ᠡᠳᠦᠷ᠂ 《ᠲᠠᠯ᠎ᠠ ᠨᠤᠲᠤᠭ᠂ ᠲᠣᠷᠭ᠋ᠠᠨ ᠵᠠᠮ ᠵᠶ᠋ᠠᠷ ᠬᠠᠮᠲᠤ ᠠᠶᠠᠯᠠᠨ᠂ ᠬᠣᠯᠪᠤᠭ᠋ᠠᠯᠠᠵᠤ ᠬᠠᠮᠲᠤᠷᠠᠨ ᠬᠦᠭᠵᠢᠭᠦᠯᠬᠦ ᠬᠣᠩᠭᠢᠯ》 ᠵᠶ᠋ᠡᠷ ᠭᠣᠣᠯ ᠰᠡᠳᠦᠪ ᠪᠣᠯᠭ᠋ᠠᠵᠤ᠂ 5 ᠡᠳᠦᠷ ᠶᠠᠪᠤᠭᠳᠠᠭᠰᠠᠨ ᠳᠤᠮᠳᠠᠳᠤ ᠮᠣᠩᠭᠣᠯ ᠬᠣᠶᠠᠷ ᠤᠯᠤᠰ᠎ᠤᠨ ᠠᠩᠬᠠᠳᠠᠭᠴᠢ ᠤᠳᠠᠭ᠎ᠠ ᠵᠢᠨ ᠳᠡᠯᠭᠡᠨ ᠦᠵᠡᠭᠦᠯᠦᠯᠭᠡ ᠵᠢᠨ ᠴᠤᠭᠯᠠᠭ᠋ᠠᠨ ᠮᠠᠨ᠎ᠤ ᠤᠷᠤᠨ᠎ᠳᠤ ᠠᠮᠵᠢᠯᠲᠠ᠎ᠲᠠᠢ ᠦᠨᠳᠦᠷᠯᠡᠪᠡ᠃ ᠡᠨᠡ ᠪᠣᠯ ᠳᠤᠮᠳᠠᠳᠤ ᠮᠣᠩᠭᠣᠯ ᠬᠣᠶᠠᠷ ᠤᠯᠤᠰ᠎ᠤᠨ ᠬᠡᠪᠴᠢᠶ᠎ᠡ᠎ᠪᠠᠷ ᠬᠠᠮᠤᠭ ᠶᠡᠬᠡ᠂ ᠬᠡᠪ ᠪᠠᠷᠢᠮᠵᠢᠶ᠎ᠠ᠎ᠪᠠᠷ ᠬᠠᠮᠤᠭ᠎ᠤᠨ ᠥᠨᠳᠥᠷ᠂ ᠦᠷ᠎ᠡ ᠪᠦᠲᠦᠮᠵᠢ᠎ᠪᠠᠷ ᠬᠠᠮᠤᠭ᠎ᠤᠨ ᠪᠠᠶᠠᠯᠢᠭ ᠰᠣᠯᠢᠯᠴᠠᠭ᠎ᠠ ᠬᠠᠮᠲᠤᠷᠠᠯᠴᠠᠭ᠎ᠠ ᠵᠢᠨ ᠲᠡᠤᠬᠡᠨ᠎ᠳᠤ ᠦᠭᠡᠢ ᠠᠵᠢᠯᠯᠠᠭ᠎ᠠ ᠮᠦᠨ᠂ ᠨᠡᠩ ᠴᠦ᠍ ᠮᠠᠨ᠎ᠤ ᠤᠯᠤᠰ᠎ᠤᠨ ᠤᠮᠠᠷᠠᠰᠢ ᠨᠡᠬᠡᠬᠡᠯᠲᠡ ᠵᠢ ᠲᠦᠯᠬᠢᠨ ᠠᠬᠢᠭᠤᠯᠵᠤ᠂ 《ᠨᠢᠭᠡ ᠪᠦᠰᠡ ᠨᠢᠭᠡ ᠵᠠᠮ》 ᠪᠠᠶ᠋ᠢᠯᠳᠤᠬᠤ ᠪᠤᠳᠤᠯᠭ᠎ᠠ ᠵᠢ ᠨᠠᠢ᠌ᠳᠠᠪᠤᠷᠢᠵᠢᠭᠤᠯᠬᠤ ᠠᠶᠠᠨ ᠵᠠᠮ ᠳᠤᠮᠳᠠ ᠰᠢᠨ᠎ᠡ ᠳᠣᠬᠢᠶᠠᠯ᠎ᠢ ᠪᠣᠢ ᠪᠣᠯᠭ᠋ᠠᠵᠤ᠂ ᠰᠢᠨ᠎ᠡ ᠢᠷᠡᠭᠡᠳᠦᠢ ᠵᠢ ᠲᠣᠳᠤᠷᠠᠭᠤᠯᠤᠭᠰᠠᠨ ᠤᠷᠢᠳ ᠭᠠᠷᠤᠭ᠎ᠠ ᠦᠭᠡᠢ ᠦᠪᠡᠳᠡᠭᠰᠢ ᠶᠡᠬᠡ ᠬᠤᠷᠠᠯ ᠪᠣᠯᠤᠨ᠎ᠠ᠃ ᠲᠤᠰ ᠤᠳᠠᠭ᠎ᠠ ᠵᠢᠨ ᠳᠡᠯᠭᠡᠨ ᠦᠵᠡᠭᠦᠯᠦᠯᠭᠡ ᠵᠢᠨ ᠴᠤᠭᠯᠠᠭ᠋ᠠᠨ᠎ᠤ ᠬᠤᠭᠤᠴᠠᠭ᠋ᠠᠨ᠎ᠳᠤ᠂ ᠪᠡᠯᠡ ᠣᠷᠣᠭᠤᠯᠤᠯᠲᠠ ᠵᠢᠨ ᠠᠷᠠᠯᠵᠢᠶ᠎ᠠ ᠵᠢᠨ ᠵᠦᠪᠳᠡᠯᠴᠡᠭᠡᠷ᠂ ᠬᠤᠷᠠᠯ᠎ᠤᠨ ᠶᠠᠷᠢᠶᠠᠨ᠎ᠤ ᠲᠠᠪᠴᠠᠩ᠂ ᠳᠡᠯᠭᠡᠨ ᠦᠵᠡᠭᠦᠯᠦᠯᠭᠡ᠂ ᠰᠤᠶᠤᠯ᠎ᠤᠨ ᠰᠣᠯᠢᠯᠴᠠᠭ᠎ᠠ ᠵᠡᠷᠭᠡ ᠳᠥᠷᠪᠡᠨ ᠶᠡᠬᠡ ᠬᠡᠰᠡᠭ᠎ᠤᠨ ᠨᠡᠢ᠌ᠲᠡ 32 ᠵᠦᠢ᠍ᠯ᠎ᠤᠨ ᠪᠣᠳᠠᠲᠤ ᠠᠵᠢᠯᠯᠠᠭ᠎ᠠ ᠶᠠᠪᠤᠭᠳᠠᠭᠤᠯᠵᠤ᠂ ᠡᠯ᠎ᠡ ᠲᠦᠷᠦᠯ᠎ᠤᠨ ᠬᠠᠮᠲᠤᠷᠠᠯᠴᠠᠭ᠎ᠠ ᠵᠢᠨ ᠵᠥᠪᠯᠡᠯᠴᠡᠭᠡᠷ 166 ᠵᠦᠢ᠍ᠯ᠎ᠳᠤ ᠭᠠᠷ᠎ᠤᠨ ᠦᠰᠦᠭ ᠵᠢᠷᠤᠵᠤ᠂ ᠵᠥᠪᠯᠡᠯᠴᠡᠭᠡᠷ᠎ᠤᠨ ᠪᠡᠯᠡ ᠤᠷᠤᠭᠤᠯᠤᠯᠲᠠ᠎ᠨᠢ 1485.9 ᠳ᠋ᠦᠩᠰᠢᠭᠤᠷ ᠲᠦᠭᠦᠷᠢᠭ᠎ᠲᠤ ᠬᠦᠷᠪᠡ᠃

      ᠬᠦᠲᠦᠯᠦᠭᠴᠢ᠄
ᠰᠦᠯᠵᠢᠶᠡᠨ ᠠᠨᠳᠠ ᠨᠡᠷ ᠰᠠᠢ᠌ᠨ ᠪᠠᠢ᠌ᠵᠠᠭ᠋ᠠᠨᠠᠤ! ᠲᠠ ᠪᠦᠬᠦᠨ ᠲᠤᠰ ᠬᠤᠭᠤᠴᠠᠭ᠋ᠠᠨ᠎ᠤ 《ᠳᠤᠮᠳᠠᠳᠤ ᠤᠯᠤᠰ   ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢ ᠬᠦᠯᠢᠶᠡᠨ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠳᠤᠮᠳᠠᠳᠤ ᠮᠣᠩᠭᠣᠯ ᠬᠣᠶᠠᠷ ᠤᠯᠤᠰ᠎ᠤᠨ ᠠᠩᠬᠠᠳᠠᠭᠴᠢ ᠤᠳᠠᠭ᠎ᠠ ᠵᠢᠨ ᠳᠡᠯᠭᠡᠨ ᠦᠵᠡᠭᠦᠯᠦᠯᠭᠡ ᠵᠢᠨ ᠴᠤᠭᠯᠠᠭ᠋ᠠᠨ 10 ᠳ᠋ᠤᠭ᠋ᠠᠷ ᠰᠠᠷ᠎ᠠ ᠵᠢᠨ 27᠎ᠤ ᠡᠳᠦᠷ ᠠᠮᠵᠢᠯᠲᠠ᠎ᠲᠠᠢ ᠦᠨᠳᠦᠷᠯᠡᠪᠡ᠃ ᠡᠯ᠎ᠡ ᠲᠦᠷᠦᠯ᠎ᠤᠨ ᠬᠠᠮᠲᠤᠷᠠᠯᠴᠠᠭ᠎ᠠ ᠵᠢᠨ ᠵᠥᠪᠯᠡᠯᠴᠡᠭᠡᠷ ᠨᠡᠢ᠌ᠲᠡ 166 ᠵᠦᠢ᠍ᠯ᠎ᠳᠤ ᠭᠠᠷ᠎ᠤᠨ ᠦᠰᠦᠭ ᠵᠢᠷᠤᠵᠤ᠂ ᠬᠠᠮᠲᠤᠷᠠᠯᠴᠠᠭ᠎ᠠ ᠵᠢᠨ ᠲᠦᠷᠦᠯ ᠵᠦᠢ᠍ᠯ᠎ᠤᠨ ᠵᠦᠪᠯᠡᠯᠴᠡᠭᠡᠷ᠎ᠤᠨ ᠪᠡᠯᠡ ᠤᠷᠤᠭᠤᠯᠤᠯᠲᠠ᠎ᠨᠢ1485.9 ᠳ᠋ᠦᠩᠰᠢᠭᠤᠷ ᠲᠦᠭᠦᠷᠢᠭ᠎ᠲᠤ ᠬᠦᠷᠪᠡ᠃ ᠦᠨᠦᠳᠦᠷ ᠪᠢᠳᠡ ᠠᠵᠠ᠎ᠲᠠᠢ᠎ᠪᠠᠷ ᠲᠤᠰ ᠤᠳᠠᠭ᠋ᠠᠨ᠎ᠤ ᠳᠡᠯᠭᠡᠨ ᠦᠵᠡᠭᠦᠯᠦᠯᠭᠡ ᠵᠢᠨ ᠴᠤᠭᠯᠠᠭ᠋ᠠᠨ᠎ᠤ 《ᠪᠡᠯᠡ ᠣᠷᠣᠭᠤᠯᠤᠯᠲᠠ ᠵᠢᠨ ᠠᠷᠠᠯᠵᠢᠶ᠎ᠠ ᠵᠢᠨ ᠵᠦᠪᠳᠡᠯᠴᠡᠭᠡᠷ》 ᠬᠡᠰᠡᠭ᠎ᠤᠨ ᠬᠣᠯᠪᠤᠭᠳᠠᠯ ᠪᠦᠬᠦᠢ ᠬᠠᠷᠢᠭᠤᠴᠠᠯᠭ᠋ᠠᠲᠠᠨ᠂ ᠪᠡᠯᠡ ᠣᠷᠣᠭᠤᠯᠤᠯᠲᠠ ᠵᠢᠨ ᠠᠷᠠᠯᠵᠢᠶ᠎ᠠ ᠵᠢᠨ ᠵᠦᠪᠳᠡᠯᠴᠡᠭᠡᠷ ᠬᠡᠯᠲᠡᠰ᠎ᠤᠨ ᠳᠡᠳ᠋ ᠳᠠᠷᠤᠭ᠎ᠠ᠂ ᠦᠪᠡᠷᠲᠡᠭᠡᠨ ᠵᠠᠰᠠᠬᠤ ᠤᠷᠤᠨ᠎ᠤ ᠬᠦᠭᠵᠢᠭᠦᠯᠦᠯᠲᠡ ᠦᠭᠡᠷᠴᠢᠯᠡᠯᠲᠡ ᠵᠢᠨ ᠵᠦᠪᠯᠡᠯ᠎ᠤᠨ ᠳᠡᠳ᠋ ᠡᠷᠬᠢᠯᠡᠭᠴᠢ ᠸᠸᠢ ᠰᠢᠶᠣᠣ ᠮᠢᠩ᠎ᠢ ᠤᠷᠢᠨ᠂ 《ᠪᠡᠯᠡ ᠣᠷᠣᠭᠤᠯᠤᠯᠲᠠ ᠵᠢᠨ ᠠᠷᠠᠯᠵᠢᠶ᠎ᠠ ᠵᠢᠨ ᠵᠦᠪᠳᠡᠯᠴᠡᠭᠡᠷ》᠎ᠤᠨ ᠬᠡᠰᠡᠭ ᠪᠠ 《ᠳᠤᠮᠳᠠᠳᠤ ᠮᠣᠩᠭᠣᠯ ᠬᠣᠶᠠᠷ ᠤᠯᠤᠰ᠎ᠤᠨ ᠪᠡᠯᠡ ᠤᠷᠤᠭᠤᠯᠤᠯᠲᠠ ᠵᠢᠨ ᠣᠷᠴᠢᠨ ᠲᠣᠭᠤᠷᠢᠨ ᠪᠣᠯᠤᠨ ᠭᠣᠣᠯᠳᠠᠯᠭ᠋ᠠᠲᠤ ᠲᠦᠷᠦᠯ ᠵᠦᠢ᠍ᠯ᠎ᠢ ᠲᠠᠨᠢᠯᠴᠠᠭᠤᠯᠬᠤ ᠬᠤᠷᠠᠯ》᠎ᠤᠨ ᠪᠠᠢ᠌ᠳᠠᠯ᠎ᠢ ᠰᠦᠯᠵᠢᠶᠡᠨ᠎ᠤ ᠠᠨᠳᠠ ᠨᠠᠷ᠎ᠲᠠᠢ ᠵᠣᠭᠤᠭᠳᠠᠭᠤᠯᠬᠤ᠎ᠪᠠᠷ ᠪᠣᠯᠪᠠ᠃ ᠸᠸᠢ ᠡᠷᠬᠢᠯᠡᠭᠴᠢ ᠡ᠂ ᠲᠠᠨ᠎ᠢ ᠪᠠᠶᠠᠷᠯᠠᠨ ᠤᠭᠲᠤᠵᠤ ᠪᠠᠢ᠌ᠨ᠎ᠠ!

      ᠸᠸᠢ ᠰᠢᠶᠣᠣ ᠮᠢᠩ᠄
      ᠬᠦᠲᠦᠯᠦᠭᠴᠢ ᠰᠠᠢ᠌ᠨ ᠤᠤ? 《ᠪᠡᠯᠡ ᠣᠷᠣᠭᠤᠯᠤᠯᠲᠠ ᠵᠢᠨ ᠠᠷᠠᠯᠵᠢᠶ᠎ᠠ ᠵᠢᠨ ᠵᠦᠪᠳᠡᠯᠴᠡᠭᠡᠷ》᠎ᠤᠨ ᠬᠡᠰᠡᠭ ᠪᠣᠯ ᠳᠤᠮᠳᠠᠳᠤ ᠮᠤᠩᠭᠤᠯ ᠬᠣᠶᠠᠷ ᠤᠯᠤᠰ᠎ᠤᠨ ᠠᠩᠬᠠᠳᠠᠭᠴᠢ ᠬᠤᠭᠤᠴᠠᠭ᠎ᠠ ᠵᠢᠨ ᠳᠡᠯᠭᠡᠨ ᠦᠵᠡᠭᠦᠯᠦᠯᠭᠡ ᠵᠢᠨ ᠴᠤᠭᠯᠠᠭ᠋ᠠᠨ᠎ᠤ ᠳᠥᠷᠪᠡᠨ ᠶᠡᠬᠡ ᠬᠡᠰᠡᠭ᠎ᠤᠨ ᠨᠢᠭᠡ᠎ᠨᠢ ᠮᠦᠨ᠂ ᠦᠪᠡᠷᠲᠡᠭᠡᠨ ᠵᠠᠰᠠᠬᠤ ᠤᠷᠤᠨ᠎ᠤ ᠬᠦᠭᠵᠢᠭᠦᠯᠦᠯᠲᠡ   ᠦᠭᠡᠷᠴᠢᠯᠡᠯᠲᠡ ᠵᠢᠨ ᠵᠦᠪᠯᠡᠯ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠵᠢ ᠬᠠᠷᠢᠭᠤᠴᠠᠪᠠ᠃ ᠲᠤᠰ ᠬᠡᠰᠡᠭ᠎ᠲᠤ ᠨᠡᠢ᠌ᠲᠡ 9 ᠬᠤᠪᠢᠶᠠᠷᠢ ᠵᠦᠢ᠍ᠯ᠎ᠤᠨ ᠠᠵᠢᠯᠯᠠᠭ᠎ᠠ ᠪᠠᠢ᠌ᠵᠤ᠂ ᠦᠪᠡᠷᠲᠡᠭᠡᠨ ᠵᠠᠰᠠᠬᠤ ᠤᠷᠤᠨ᠎ᠤ ᠬᠦᠭᠵᠢᠭᠦᠯᠦᠯᠲᠡ ᠦᠭᠡᠷᠴᠢᠯᠡᠯᠲᠡ ᠵᠢᠨ ᠵᠦᠪᠯᠡᠯ᠎ᠨᠢ ᠮᠣᠩᠭᠣᠯ ᠤᠯᠤᠰ᠎ᠤᠨ ᠵᠠᠰᠠᠭ᠎ᠤᠨ ᠭᠠᠵᠠᠷ᠎ᠤᠨ ᠪᠡᠯᠡ ᠤᠷᠤᠭᠤᠯᠤᠯᠲᠠ ᠵᠢᠨ ᠲᠣᠪᠴᠢᠶ᠎ᠠ᠎ᠲᠠᠢ ᠲᠡᠭᠦᠨ᠎ᠤ ᠳᠣᠲᠤᠷᠠᠬᠢ 《ᠳᠤᠮᠳᠠᠳᠤ ᠮᠣᠩᠭᠣᠯ ᠬᠣᠶᠠᠷ ᠤᠯᠤᠰ᠎ᠤᠨ ᠪᠡᠯᠡ ᠤᠷᠤᠭᠤᠯᠤᠯᠲᠠ ᠵᠢᠨ ᠣᠷᠴᠢᠨ ᠲᠣᠭᠤᠷᠢᠨ ᠪᠣᠯᠤᠨ ᠭᠣᠣᠯᠳᠠᠯᠭ᠋ᠠᠲᠤ ᠲᠦᠷᠦᠯ ᠵᠦᠢ᠍ᠯ᠎ᠢ ᠲᠠᠨᠢᠯᠴᠠᠭᠤᠯᠬᠤ ᠬᠤᠷᠠᠯ》᠎ᠤᠨ ᠠᠵᠢᠯᠯᠠᠭ᠋ᠠᠨ᠎ᠢ ᠳᠠᠭ᠋ᠠᠭ᠋ᠠᠨ ᠡᠷᠬᠢᠯᠡᠪᠡ᠃

      ᠬᠦᠲᠦᠯᠦᠭᠴᠢ᠄
      ᠸᠸᠢ ᠡᠷᠬᠢᠯᠡᠭᠴᠢ ᠡ᠂ ᠪᠣᠰᠤᠳ 8 ᠬᠤᠪᠢᠶᠠᠷᠢ ᠵᠦᠢ᠍ᠯ᠎ᠤᠨ ᠠᠵᠢᠯᠯᠠᠭ᠎ᠠ᠎ᠨᠢ ᠶᠠᠭᠤ ᠶᠠᠭᠤ ᠪᠠᠢ᠌ᠬᠤ ᠪᠣᠢ?

      ᠸᠸᠢ ᠰᠢᠶᠣᠣ ᠮᠢᠩ᠄
      ᠪᠣᠰᠤᠳ 8 ᠬᠤᠪᠢᠶᠠᠷᠢ ᠵᠦᠢ᠍ᠯ᠎ᠨᠢ ᠭᠡᠪᠡᠯ ᠲᠤᠰ ᠲᠤᠰ ᠰᠢᠨ᠎ᠡ ᠡᠨᠧᠷᠭᠢ ᠵᠢᠨ ᠰᠤᠷᠪᠤᠯᠵᠢ ᠵᠢ ᠨᠡᠭᠡᠭᠡᠨ ᠬᠦᠭᠵᠢᠭᠦᠯᠬᠦ ᠵᠦᠪᠳᠡᠯᠴᠡᠭᠡᠷ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠬᠦᠭᠵᠢᠭᠦᠯᠬᠦ ᠵᠦᠪᠳᠡᠯᠴᠡᠭᠡᠷ᠂ ᠵᠢᠭᠤᠯᠴᠢᠯᠠᠯ᠎ᠤᠨ ᠬᠠᠮᠲᠤᠷᠠᠯᠴᠠᠭ᠎ᠠ ᠵᠢᠨ ᠵᠦᠪᠳᠡᠯᠴᠡᠭᠡᠷ᠂ ᠳᠤᠮᠳᠠᠳᠤ ᠮᠣᠩᠭᠣᠯ ᠬᠣᠶᠠᠷ ᠤᠯᠤᠰ᠎ᠤᠨ ᠳᠤᠮᠳᠠ ᠪᠠᠭ᠎ᠠ ᠠᠵᠤ ᠠᠬᠤᠢ᠌ᠯᠠᠯ᠎ᠤᠨ ᠬᠠᠮᠲᠤᠷᠠᠯᠴᠠᠭ᠎ᠠ ᠵᠢᠨ ᠵᠦᠪᠳᠡᠯᠴᠡᠭᠡᠷ᠂ ᠦᠪᠦᠷ ᠮᠣᠩᠭᠣᠯ —   ᠰᠢᠶᠠᠩᠭ᠋ᠠᠩ᠎ᠤᠨ ᠠᠵᠤ ᠠᠬᠤᠢ ᠠᠷᠠᠯᠵᠢᠶ᠎ᠠ ᠵᠢᠨ ᠵᠦᠪᠳᠡᠯᠴᠡᠭᠡᠷ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠵᠦᠪᠳᠡᠯᠴᠡᠭᠡᠷ᠂ ᠳᠤᠮᠳᠠᠳᠤ ᠮᠣᠩᠭᠣᠯ ᠬᠣᠶᠠᠷ ᠤᠯᠤᠰ᠎ᠤᠨ ᠰᠢᠨᠵᠢᠯᠡᠬᠦ ᠮᠡᠷᠭᠡᠵᠢᠯ᠎ᠤᠨ ᠠᠵᠤ ᠠᠬᠤᠢ᠌ᠯᠠᠯ᠎ᠤᠨ ᠮᠡᠷᠭᠡᠵᠢᠯ᠎ᠢ ᠰᠢᠯᠵᠢᠭᠦᠯᠬᠦ ᠬᠢᠭᠡᠳ ᠬᠠᠮᠲᠤᠷᠠᠯᠴᠠᠭ᠎ᠠ ᠵᠢᠨ ᠵᠦᠪᠳᠡᠯᠴᠡᠭᠡᠷ᠂ ᠳᠤᠮᠳᠠᠳᠤ ᠮᠣᠩᠭᠣᠯ ᠬᠣᠶᠠᠷ ᠤᠯᠤᠰ᠎ᠤᠨ ᠮᠢᠬᠠᠨ᠎ᠤ ᠦᠢ᠍ᠯᠡᠰ᠎ᠤᠨ ᠬᠠᠮᠲᠤᠷᠠᠯᠴᠠᠭ᠎ᠠ ᠵᠢᠨ ᠵᠦᠪᠳᠡᠯᠴᠡᠭᠡᠷ ᠪᠣᠯᠤᠨ᠎ᠠ᠃

      ᠬᠦᠲᠦᠯᠦᠭᠴᠢ᠄
      ᠲᠠ ᠣᠳᠣ 《ᠳᠤᠮᠳᠠᠳᠤ ᠮᠣᠩᠭᠣᠯ ᠬᠣᠶᠠᠷ ᠤᠯᠤᠰ᠎ᠤᠨ ᠪᠡᠯᠡ ᠤᠷᠤᠭᠤᠯᠤᠯᠲᠠ ᠵᠢᠨ ᠣᠷᠴᠢᠨ ᠲᠣᠭᠤᠷᠢᠨ ᠪᠣᠯᠤᠨ ᠭᠣᠣᠯᠳᠠᠯᠭ᠋ᠠᠲᠤ ᠲᠦᠷᠦᠯ ᠵᠦᠢ᠍ᠯ᠎ᠢ ᠲᠠᠨᠢᠯᠴᠠᠭᠤᠯᠬᠤ ᠬᠤᠷᠠᠯ》᠎ᠤᠨ ᠪᠠᠶ᠋ᠢᠳᠠᠯ᠎ᠢ ᠭᠣᠣᠯᠳᠠᠯᠭ᠎ᠠ᠎ᠲᠠᠢ ᠲᠠᠨᠢᠯᠴᠠᠭᠤᠯᠤᠭ᠋ᠠᠳ ᠦᠭᠭᠦᠨᠡᠦ?

      ᠸᠸᠢ ᠰᠢᠶᠣᠣ ᠮᠢᠩ᠄
     《ᠳᠤᠮᠳᠠᠳᠤ ᠮᠣᠩᠭᠣᠯ ᠬᠣᠶᠠᠷ ᠤᠯᠤᠰ᠎ᠤᠨ ᠪᠡᠯᠡ ᠤᠷᠤᠭᠤᠯᠤᠯᠲᠠ ᠵᠢᠨ ᠣᠷᠴᠢᠨ ᠲᠣᠭᠤᠷᠢᠨ ᠪᠣᠯᠤᠨ ᠭᠣᠣᠯᠳᠠᠯᠭ᠋ᠠᠲᠤ ᠲᠦᠷᠦᠯ ᠵᠦᠢ᠍ᠯ᠎ᠢ ᠲᠠᠨᠢᠯᠴᠠᠭᠤᠯᠬᠤ ᠬᠤᠷᠠᠯ》᠎ᠨᠢ ᠬᠤᠷᠠᠯ᠎ᠳᠤ ᠣᠷᠣᠯᠴᠠᠭᠰᠠᠨ ᠳᠤᠮᠳᠠᠳᠤ ᠭᠠᠳᠠᠭ᠋ᠠᠳᠤ ᠵᠢᠨ ᠵᠣᠴᠢᠨ ᠬᠤᠳᠠᠯᠳᠤᠭ᠋ᠠᠴᠢᠨ ᠪᠠ ᠠᠵᠤ ᠠᠬᠤᠶ᠋ᠢᠯᠠᠯᠲᠠᠨ᠎ᠳᠤ ᠦᠪᠦᠷ ᠮᠣᠩᠭᠣᠯ ᠪᠣᠯᠤᠨ ᠮᠣᠩᠭᠣᠯ ᠤᠯᠤᠰ᠎ᠤᠨ ᠪᠡᠯᠡ ᠣᠷᠣᠭᠤᠯᠤᠯᠲᠠ ᠵᠢᠨ ᠰᠠᠢ᠍ᠢ᠍ᠨ ᠰᠠᠶ᠋ᠢᠬᠠᠨ ᠣᠷᠴᠢᠨ ᠲᠣᠭᠣᠷᠢᠨ᠎ᠢ ᠤᠬᠠᠭᠤᠯᠵᠤ᠂ ᠦᠪᠦᠷ ᠮᠣᠩᠭᠣᠯ ᠪᠣᠯᠤᠨ ᠮᠣᠩᠭᠣᠯ ᠤᠯᠤᠰ᠎ᠤᠨ ᠭᠣᠣᠯᠳᠠᠯᠭ᠋ᠠᠲᠤ ᠪᠡᠯᠡ ᠤᠷᠤᠭᠤᠯᠤᠯᠲᠠ ᠵᠢᠨ ᠲᠦᠷᠦᠯ ᠵᠦᠢ᠍ᠯ᠎ᠢ ᠲᠠᠨᠢᠯᠴᠠᠭᠤᠯᠵᠤ᠂ ᠳᠤᠮᠳᠠᠳᠤ ᠭᠠᠳᠠᠭ᠋ᠠᠳᠤ ᠵᠢᠨ ᠠᠵᠤ ᠠᠬᠤᠢ᠌ᠯᠠᠯ᠎ᠤᠳ᠎ᠢ ᠲᠠᠲᠠᠵᠤ ᠦᠪᠦᠷ ᠮᠣᠩᠭᠣᠯ ᠪᠣᠯᠤᠨ ᠮᠣᠩᠭᠣᠯ ᠤᠯᠤᠰ᠎ᠲᠤ ᠪᠡᠯᠡ ᠤᠷᠤᠭᠤᠯᠤᠨ ᠦᠢ᠍ᠯᠡᠰ ᠬᠦᠭᠵᠢᠭᠦᠯᠬᠦ᠎ᠪᠠᠷ ᠵᠣᠷᠢᠯᠭ᠎ᠠ ᠪᠣᠯᠭ᠋ᠠᠭᠰᠠᠨ ᠶᠤᠮ᠃ ᠲᠠᠨᠢᠯᠴᠠᠭᠤᠯᠬᠤ ᠬᠤᠷᠠᠯ᠎ᠢ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ ᠬᠢᠭᠡᠳ ᠮᠣᠩᠭᠣᠯ ᠤᠯᠤᠰ᠎ᠤᠨ ᠵᠠᠰᠠᠭ᠎ᠤᠨ ᠭᠠᠵᠠᠷ᠎ᠤᠨ ᠪᠡᠯᠡ ᠤᠷᠤᠭᠤᠯᠤᠯᠲᠠ ᠵᠢᠨ ᠲᠣᠪᠴᠢᠶ᠎ᠠ ᠭᠣᠣᠯᠯᠠᠨ ᠡᠷᠭᠢᠯᠡᠵᠦ᠂ ᠦᠪᠡᠷᠲᠡᠭᠡᠨ ᠵᠠᠰᠠᠬᠤ ᠤᠷᠤᠨ᠎ᠤ ᠬᠦᠭᠵᠢᠭᠦᠯᠦᠯᠲᠡ ᠦᠭᠡᠷᠴᠢᠯᠡᠯᠲᠡ ᠵᠢᠨ ᠵᠦᠪᠯᠡᠯ ᠬᠢᠭᠡᠳ ᠮᠣᠩᠭᠣᠯ ᠤᠯᠤᠰ᠎ᠤᠨ ᠵᠠᠰᠠᠭ᠎ᠤᠨ ᠭᠠᠵᠠᠷ᠎ᠤᠨ ᠪᠡᠯᠡ ᠤᠷᠤᠭᠤᠯᠤᠯᠲᠠ ᠵᠢᠨ ᠲᠣᠪᠴᠢᠶ᠎ᠠ ᠪᠣᠳᠠᠲᠠᠢ ᠳᠠᠭ᠋ᠠᠭ᠋ᠠᠨ ᠡᠷᠬᠢᠯᠡᠪᠡ᠃

      ᠬᠦᠲᠦᠯᠦᠭᠴᠢ᠄
      《ᠳᠤᠮᠳᠠᠳᠤ ᠮᠣᠩᠭᠣᠯ ᠬᠣᠶᠠᠷ ᠤᠯᠤᠰ᠎ᠤᠨ ᠪᠡᠯᠡ ᠤᠷᠤᠭᠤᠯᠤᠯᠲᠠ ᠵᠢᠨ ᠣᠷᠴᠢᠨ ᠲᠣᠭᠤᠷᠢᠨ ᠬᠢᠭᠡᠳ ᠭᠣᠣᠯᠳᠠᠯᠭ᠋ᠠᠲᠤ ᠲᠦᠷᠦᠯ ᠵᠦᠢ᠍ᠯ᠎ᠤᠨ ᠲᠠᠨᠢᠯᠴᠠᠭᠤᠯᠬᠤ ᠬᠤᠷᠠᠯ》᠎ᠨᠢ ᠶᠠᠮᠠᠷ ᠶᠠᠮᠠᠷ ᠭᠣᠣᠯ ᠠᠭᠤᠯᠭ᠎ᠠ᠎ᠲᠠᠢ ᠪᠣᠢ?

      ᠸᠸᠢ ᠰᠢᠶᠣᠣ ᠮᠢᠩ᠄
      ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠪᠠᠶ᠋ᠢᠩᠭᠤ ᠵᠢᠨ ᠳᠡᠳ᠋ ᠲᠡᠷᠢᠭᠦᠯᠡᠭᠴᠢ ᠹᠦ᠋᠎ᠲᠠᠢ ᠽᠸᠩ ᠪᠣᠯᠤᠨ ᠮᠣᠩᠭᠣᠯ ᠤᠯᠤᠰ᠎ᠤᠨ ᠤᠯᠤᠰ᠎ᠤᠨ ᠶᠡᠬᠡ ᠬᠤᠷᠠᠯ᠎ᠤᠨ ᠭᠡᠰᠢᠭᠦᠨ ᠰᠠᠩ᠂ ᠪᠢᠮᠪᠠᠴᠣᠭᠲᠤ ᠲᠤᠰ ᠲᠤᠰ ᠦᠭᠡ ᠬᠡᠯᠡᠪᠡ᠂ ᠦᠪᠡᠷᠲᠡᠭᠡᠨ ᠵᠠᠰᠠᠬᠤ ᠤᠷᠤᠨ᠎ᠤ ᠬᠦᠭᠵᠢᠭᠦᠯᠦᠯᠲᠡ ᠦᠭᠡᠷᠴᠢᠯᠡᠯᠲᠡ ᠵᠢᠨ ᠵᠦᠪᠯᠡᠯ᠎ᠤᠨ ᠡᠷᠬᠢᠯᠡᠭᠴᠢ ᠪᠣᠥ ᠮᠭᠳᠠ᠂ ᠮᠣᠩᠭᠣᠯ ᠤᠯᠤᠰ᠎ᠤᠨ ᠵᠠᠰᠠᠭ᠎ᠤᠨ ᠭᠠᠵᠠᠷ᠎ᠤᠨ ᠪᠡᠯᠡ ᠤᠷᠤᠭᠤᠯᠤᠯᠲᠠ ᠵᠢᠨ ᠲᠣᠪᠴᠢᠶ᠎ᠠ ᠵᠢᠨ ᠳᠠᠷᠤᠭ᠎ᠠ ᠰᠡ᠊᠂ ᠵᠢᠪᠬᠤᠯᠠᠩᠪᠠᠭ᠋ᠠᠲᠤᠷ ᠲᠤᠰ ᠲᠤᠰ ᠦᠪᠡᠷᠰᠡᠳ᠎ᠤᠨ ᠪᠡᠯᠡ ᠤᠷᠤᠭᠤᠯᠤᠯᠲᠠ ᠵᠢᠨ ᠣᠷᠴᠢᠨ ᠲᠣᠭᠤᠷᠢᠨ ᠵᠶ᠋ᠡᠨ ᠲᠠᠨᠢᠯᠴᠠᠭᠤᠯᠪᠠ᠃ ᠹᠦ᠋ ᠲᠡᠷᠢᠭᠦᠯᠡᠭᠴᠢ ᠶᠠᠷᠢᠶᠠᠨ᠎ᠳᠠᠭᠠᠨ ᠴᠢᠬᠣᠯᠴᠢᠯᠠᠭᠰᠠᠨ᠎ᠨᠢ᠂ ᠳᠤᠮᠳᠠᠳᠤ ᠤᠯᠤᠰ ᠬᠢᠭᠡᠳ ᠮᠣᠩᠭᠣᠯ ᠤᠯᠤᠰ ᠠᠭᠤᠯᠠ ᠤᠰᠤ ᠵᠠᠯᠭ᠋ᠠᠯᠳᠤᠨ᠂ ᠬᠦᠮᠦᠨ ᠰᠤᠶᠤᠯ ᠢᠨᠠᠭᠰᠢᠭ᠋ᠠᠳ᠂ ᠠᠵᠤ ᠠᠬᠤᠢ ᠠᠷᠠᠯᠵᠢᠶ᠎ᠠ ᠵᠢᠨ ᠶᠠᠪᠤᠯᠴᠠᠭ᠎ᠠ ᠰᠠᠭᠤᠷᠢ ᠰᠠᠢ᠌ᠲᠠᠢ᠂ ᠠᠭᠤᠳᠠᠮ ᠰᠠᠷᠠᠭᠤᠯ ᠢᠷᠡᠭᠡᠳᠦᠢ᠎ᠲᠠᠢ ᠪᠠᠢ᠌ᠨ᠎ᠠ᠂ ᠬᠣᠶᠠᠷ ᠲᠠᠯ᠎ᠠ᠎ᠪᠠᠷ ᠵᠶ᠋ᠠᠨ ᠬᠣᠶᠠᠷ ᠤᠯᠤᠰ᠎ᠤᠨ ᠴᠢᠬᠣᠯᠠ ᠶᠡᠬᠡ ᠬᠦᠭᠵᠢᠯᠲᠡ ᠵᠢᠨ ᠪᠠᠢ᠌ᠯᠳᠤᠬᠤ ᠪᠣᠳᠤᠯᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠵᠦ᠂ ᠪᠡᠯᠡ ᠣᠷᠣᠭᠤᠯᠤᠯᠲᠠ ᠵᠢᠨ ᠬᠠᠮᠲᠤᠷᠠᠯᠴᠠᠭ᠋ᠠᠨ᠎ᠤ ᠬᠦᠷᠢᠶ᠎ᠡ᠎ᠪᠠᠨ ᠬᠦᠴᠦ ᠲᠠᠯᠪᠢᠨ ᠥᠷᠭᠡᠳᠬᠡᠵᠦ᠂ ᠳᠠᠪᠠᠭᠤᠯᠢᠭ ᠲᠠᠯ᠎ᠠ᠎ᠪᠠᠨ ᠬᠠᠷᠢᠯᠴᠠᠨ ᠨᠦᠬᠦᠪᠦᠷᠢᠯᠡᠨ ᠬᠠᠷᠢᠯᠴᠠᠨ ᠠᠰᠢᠭᠯᠠᠵᠤ ᠬᠠᠮᠲᠤ᠎ᠪᠠᠷ ᠠᠰᠢᠭ ᠬᠦᠷᠲᠡᠬᠦ ᠵᠢ ᠪᠠᠷᠢᠮᠳᠠᠯᠠᠵᠤ᠂ 2020 ᠣᠨ ᠪᠣᠯᠬᠤ᠎ᠳᠤ ᠬᠣᠶᠠᠷ ᠲᠠᠯ᠎ᠠ ᠵᠢᠨ ᠠᠷᠠᠯᠵᠢᠶᠠᠨ᠎ᠤ ᠲᠣᠭ᠎ᠠ ᠵᠢ 100 ᠳ᠋ᠦᠩᠰᠢᠭᠤᠷ ᠳ᠋ᠣᠯᠯᠠᠷ᠎ᠳᠤ ᠬᠦᠷᠦᠭᠦᠯᠬᠦ ᠬᠠᠷᠠᠯᠲᠠ ᠵᠢ ᠴᠢᠷᠮᠠᠢ᠌ᠨ ᠪᠡᠶᠡᠯᠡᠭᠦᠯᠬᠦ ᠵᠢ ᠬᠦᠰᠡᠵᠦ ᠪᠠᠢ᠌ᠨ᠎ᠠ ᠭᠡᠵᠡᠢ᠃ ᠡᠷᠬᠢᠯᠡᠭᠴᠢ ᠪᠣᠥ ᠮᠭᠳᠠ ᠦᠪᠦᠷ ᠮᠣᠩᠭᠣᠯ᠎ᠤᠨ 《ᠳᠤᠮᠳᠠᠳᠤ ᠮᠣᠩᠭᠣᠯ ᠤᠷᠤᠰ᠎ᠤᠨ ᠠᠵᠤ ᠠᠬᠤᠢ ᠵᠢᠨ ᠬᠣᠩᠬᠢᠯ》᠎ᠤᠨ ᠪᠦᠲᠦᠭᠡᠨ ᠪᠠᠢ᠌ᠭᠤᠯᠤᠯᠲᠠ ᠳᠤᠮᠳᠠᠬᠢ ᠤᠷᠤᠨ ᠪᠠᠢ᠌ᠷᠢ ᠵᠢᠨ ᠳᠠᠪᠠᠭᠤᠯᠢᠭ ᠪᠠ ᠠᠵᠤ ᠦᠢ᠍ᠯᠡᠰ᠎ᠤᠨ ᠰᠠᠭᠤᠷᠢ ᠵᠢ ᠲᠠᠨᠢᠯᠴᠠᠭᠤᠯᠵᠤ᠂ ᠦᠪᠡᠷᠲᠡᠭᠡᠨ ᠵᠠᠰᠠᠬᠤ ᠤᠷᠤᠨ᠎ᠤ 《ᠲᠠᠪᠤᠨ ᠶᠡᠬᠡ ᠰᠠᠭᠤᠷᠢᠨ ᠭᠠᠵᠠᠷ》᠎ᠤᠨ ᠪᠦᠲᠦᠭᠡᠨ ᠪᠠᠢ᠌ᠭᠤᠯᠤᠯᠲᠠ ᠵᠢᠨ ᠬᠠᠮᠲᠤᠷᠠᠯᠴᠠᠭ᠋ᠠᠨ᠎ᠤ ᠴᠢᠭᠯᠡᠯ ᠪᠣᠯᠤᠨ ᠭᠣᠣᠯᠳᠠᠯᠭ᠋ᠠᠲᠤ ᠲᠥᠷᠥᠯ ᠵᠦᠢ᠍ᠯ᠎ᠢ ᠲᠠᠨᠢᠯᠴᠠᠭᠤᠯᠪᠠ᠃ ᠮᠣᠩᠭᠣᠯ ᠤᠯᠤᠰ᠂ ᠤᠷᠤᠰ᠂ ᠨᠣᠷᠸᠠᠶ ᠪᠣᠯᠤᠨ ᠤᠯᠤᠰ᠎ᠤᠨ ᠳᠣᠲᠤᠭ᠋ᠠᠳᠤᠬᠢ ᠳᠤᠮᠳᠠᠳᠤ ᠭᠠᠳᠠᠭ᠋ᠠᠳᠤ ᠵᠢᠨ 220 ᠰᠢᠬᠠᠮ ᠵᠣᠴᠢᠨ ᠬᠤᠷᠠᠯ᠎ᠳᠤ ᠣᠷᠤᠯᠴᠠᠪᠠ᠃

      ᠬᠦᠲᠦᠯᠦᠭᠴᠢ᠄
      《ᠳᠤᠮᠳᠠᠳᠤ ᠮᠣᠩᠭᠣᠯ ᠬᠣᠶᠠᠷ ᠤᠯᠤᠰ᠎ᠤᠨ ᠪᠡᠯᠡ ᠤᠷᠤᠭᠤᠯᠤᠯᠲᠠ ᠵᠢᠨ ᠣᠷᠴᠢᠨ ᠲᠣᠭᠤᠷᠢᠨ ᠬᠢᠭᠡᠳ ᠭᠣᠣᠯᠳᠠᠯᠭ᠋ᠠᠲᠤ ᠲᠥᠷᠥᠯ ᠵᠦᠢ᠍ᠯ᠎ᠢ ᠲᠠᠨᠢᠯᠴᠠᠭᠤᠯᠬᠤ ᠬᠤᠷᠠᠯ》᠎ᠨᠢ ᠶᠠᠮᠠᠷ ᠶᠠᠮᠠᠷ ᠵᠦᠪᠳᠡᠯᠴᠡᠭᠡᠷ᠎ᠲᠤ ᠭᠠᠷ᠎ᠤᠨ ᠦᠰᠦᠭ ᠵᠢᠷᠤᠭᠰᠠᠨ ᠪᠣᠢ?

      ᠸᠸᠢ ᠰᠢᠶᠣᠣ ᠮᠢᠩ᠄
      ᠲᠠᠨᠢᠯᠴᠠᠭᠤᠯᠬᠤ ᠬᠤᠷᠠᠯ᠎ᠤᠨ ᠪᠡᠯᠡ ᠤᠷᠤᠭᠤᠯᠤᠯᠲᠠ ᠵᠢᠨ ᠲᠦᠷᠦᠯ ᠵᠦᠢ᠍ᠯ᠎ᠤᠨ ᠵᠦᠪᠳᠡᠯᠴᠡᠭᠡᠷ ᠡᠯᠪᠡᠭ ᠪᠠᠶᠠᠯᠢᠭ ᠦᠷ᠎ᠡ ᠪᠦᠲᠦᠮᠵᠢ ᠣᠯᠪᠠ᠃ ᠡᠨᠧᠷᠭᠢ ᠵᠢᠨ ᠰᠤᠷᠪᠤᠯᠵᠢ᠂ ᠬᠢᠮᠢ ᠵᠢᠨ ᠠᠵᠤ ᠦᠢ᠍ᠯᠡᠳᠪᠦᠷᠢ᠂ ᠲᠣᠨᠤᠭ ᠲᠦᠬᠦᠭᠡᠷᠦᠮᠵᠢ᠂ ᠪᠠᠷᠢᠯᠭ᠎ᠠ ᠵᠢᠨ ᠮᠠᠲ᠋ᠧᠷᠢᠶᠠᠯ᠂ ᠠᠭᠤᠷᠬᠠᠶ ᠮᠠᠯᠲᠠᠬᠤ ᠦᠢ᠍ᠯᠡᠰ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠡᠳ᠋ᠰᠢᠭᠦᠯᠭᠡ᠂ ᠡᠭᠦᠯᠡᠨ ᠪᠣᠳᠣᠯᠳᠠ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭ᠋ᠠᠨ᠎ᠤ ᠭᠦᠢ᠍ᠯᠭᠡᠭᠡ᠂ ᠵᠢᠭᠤᠯᠴᠢᠯᠠᠯ᠂ ᠰᠠᠭᠤᠷᠢ ᠪᠡᠯᠡᠳᠭᠡᠮᠵᠢ ᠵᠡᠷᠭᠡ ᠬᠦᠷᠢᠶᠡᠨ᠎ᠤ ᠵᠣᠴᠢᠳ ᠬᠤᠳᠠᠯᠳᠤᠭ᠋ᠠᠴᠢᠳ ᠨᠢᠭᠡ ᠳᠣᠣᠷ᠎ᠠ ᠴᠤᠭᠯᠠᠷᠠᠵᠤ᠂ ᠬᠤᠷᠠᠯ᠎ᠳᠤ ᠪᠡᠯᠡ ᠤᠷᠤᠭᠤᠯᠤᠯᠲᠠ ᠵᠢᠨ ᠲᠦᠷᠦᠯ ᠵᠦᠢ᠍ᠯ ᠪᠠ ᠲᠤᠬᠠᠶ᠋ᠢᠯᠠᠭᠰᠠᠨ ᠠᠵᠢᠯ᠎ᠤᠨ ᠬᠠᠮᠲᠤᠷᠠᠯᠴᠠᠭ᠎ᠠ ᠵᠢᠨ ᠵᠦᠪᠯᠡᠯᠴᠡᠭᠡᠷ᠎ᠢ ᠨᠡᠢ᠌ᠲᠡ 46 ᠵᠦᠢ᠍ᠯ ᠲᠣᠭᠲᠠᠵᠤ᠂ ᠭᠡᠷ᠎ᠡ ᠲᠣᠭᠲᠠᠭᠰᠠᠨ ᠶᠡᠷᠦᠩᠬᠡᠢ ᠵᠣᠭᠤᠰ᠎ᠤᠨ ᠲᠣᠭ᠎ᠠ᠎ᠨᠢ 570 ᠤᠷᠴᠢᠮ ᠳ᠋ᠦᠩᠰᠢᠭᠤᠷ ᠲᠦᠭᠦᠷᠢᠭ᠎ᠲᠤ ᠬᠦᠷᠪᠡ᠃

      ᠬᠥᠲᠦᠯᠦᠭᠴᠢ᠄
      ᠵᠠ ᠰᠠᠢ᠌ᠨ ᠪᠣᠯᠤᠯ᠎ᠠ᠂ ᠸᠸᠢ ᠡᠷᠬᠢᠯᠡᠭᠴᠢ ᠵᠢᠨ ᠲᠠᠢ᠌ᠯᠪᠦᠷᠢᠯᠠᠭᠰᠠᠨ᠎ᠳᠤ ᠲᠠᠯᠠᠷᠬᠠᠵᠤ ᠪᠠᠢ᠌ᠨ᠎ᠠ᠂ ᠲᠠᠨ᠎ᠤ ᠲᠠᠨᠢᠯᠴᠠᠭᠤᠯᠭ᠎ᠠ᠎ᠪᠠᠷ ᠳᠠᠮᠵᠢᠵᠤ ᠪᠢᠳᠡ ᠳᠤᠮᠳᠠᠳᠤ ᠮᠣᠩᠭᠣᠯ ᠬᠣᠶᠠᠷ ᠤᠯᠤᠰ᠎ᠤᠨ ᠠᠩᠬᠠᠳᠠᠭᠴᠢ ᠤᠳᠠᠭ᠎ᠠ ᠵᠢᠨ ᠳᠡᠯᠭᠡᠨ ᠦᠵᠡᠭᠦᠯᠦᠯᠭᠡ ᠵᠢᠨ ᠴᠤᠭᠯᠠᠭ᠋ᠠᠨ᠎ᠨᠢ ᠪᠡᠯᠡ ᠤᠷᠤᠭᠤᠯᠤᠯᠲᠠ ᠠᠷᠠᠯᠵᠢᠶ᠎ᠠ ᠵᠢᠨ ᠵᠦᠪᠳᠡᠯᠴᠡᠭᠡᠷ᠎ᠤᠨ ᠠᠯᠢ ᠤᠯᠠᠨ ᠠᠵᠢᠯᠯᠠᠭ᠋ᠠᠨ᠎ᠢ ᠠᠮᠵᠢᠯᠲᠠ᠎ᠲᠠᠢ ᠡᠷᠬᠢᠯᠡᠭᠡᠳ᠂ ᠳᠤᠮᠳᠠᠳᠤ ᠮᠣᠩᠭᠣᠯ ᠬᠣᠶᠠᠷ ᠤᠯᠤᠰ᠎ᠤᠨ ᠬᠦᠭᠵᠢᠯᠲᠡ ᠵᠢᠨ ᠠᠮᠵᠢᠯᠲᠠ ᠪᠦᠲᠦᠮᠵᠢ ᠵᠢ ᠳᠡᠯᠭᠡᠨ ᠦᠵᠡᠭᠦᠯᠬᠦ᠎ᠳᠤ ᠰᠢᠨ᠎ᠡ ᠲᠠᠪᠴᠠᠩ᠎ᠢ ᠪᠠᠢ᠌ᠭᠤᠯᠤᠨ ᠦᠭᠴᠦ᠂ ᠬᠤᠶᠠᠷ ᠤᠯᠤᠰ᠎ᠤᠨ ᠪᠡᠯᠡ ᠤᠷᠤᠭᠤᠯᠤᠯᠲᠠ ᠵᠢᠨ ᠠᠷᠠᠯᠵᠢᠶ᠎ᠠ ᠵᠢᠨ ᠬᠦᠷᠢᠶᠡᠨ᠎ᠤ ᠭᠦᠨᠵᠡᠭᠡᠢ ᠬᠠᠮᠲᠤᠷᠠᠯᠴᠠᠭ᠎ᠠ ᠵᠢ ᠲᠦᠯᠬᠢᠨ ᠠᠬᠢᠭᠤᠯᠤᠭᠰᠠᠨ᠎ᠢ ᠣᠯᠵᠤ ᠬᠠᠷᠠᠯ᠎ᠠ᠂ ᠪᠢᠳᠡ ᠨᠠᠷ ᠴᠦ᠍ ᠳᠤᠮᠳᠠᠳᠤ ᠮᠣᠩᠭᠣᠯ ᠬᠣᠶᠠᠷ ᠤᠯᠤᠰ ᠬᠣᠢ᠌ᠰᠢᠳᠠ ᠨᠡᠩ ᠠᠷᠪᠢᠨ ᠰᠣᠯᠢᠯᠴᠠᠭ᠎ᠠ ᠬᠠᠮᠲᠤᠷᠠᠯᠴᠠᠭ᠎ᠠ᠎ᠲᠠᠢ ᠪᠠᠢ᠌ᠬᠤ ᠵᠢ ᠬᠦᠰᠡᠵᠦ ᠪᠠᠢ᠌ᠨ᠎ᠠ᠃ ᠸᠸᠢ ᠡᠷᠬᠢᠯᠡᠭᠴᠢ᠎ᠳᠤ ᠳᠠᠬᠢᠨᠲᠠ ᠲᠠᠯᠠᠷᠬᠠᠯ᠎ᠠ᠂ ᠮᠦᠨᠴᠦ ᠰᠦᠯᠵᠢᠶᠡᠨ ᠠᠨᠳᠠ ᠨᠠᠷ᠎ᠤᠨ ᠢᠳᠡᠪᠬᠢᠲᠡᠢ ᠤᠷᠤᠯᠴᠠᠭᠰᠠᠨ᠎ᠳᠤ ᠲᠠᠯᠠᠷᠬᠠᠵᠤ ᠪᠠᠢ᠌ᠨ᠎ᠠ᠂ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠦᠨᠳᠦᠷᠯᠡᠪᠡ᠂ ᠳᠠᠷᠠᠭ᠋ᠠᠴᠢ ᠵᠢᠨ ᠫᠷᠦᠭᠷᠡᠮ᠎ᠳᠤ ᠪᠠᠶᠠᠷᠲᠠᠢ ᠵᠤᠯᠭ᠋ᠠᠶ᠎ᠠ!

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠠᠵᠤ ᠠᠬᠤᠶ ᠵᠢᠨ ᠠᠵᠢᠯᠯᠠᠭ᠋ᠠᠨ ᠠᠯᠭᠤᠷᠯᠠᠬᠤ ᠵᠢᠨ ᠳᠠᠭ᠋ᠠᠤ ᠲᠣᠭᠲᠠᠭᠤᠨ ᠵᠶ᠋ᠡᠷ ᠬᠥᠭᠵᠢᠵᠦ ᠬᠥᠭᠵᠢᠯᠲᠡ ᠵᠢᠨ ᠳᠠᠯᠳᠠ ᠴᠢᠳᠠᠪᠤᠷᠢ ᠤᠯᠠᠮ ᠵᠶ᠋ᠡᠷ ᠭᠠᠷᠪᠠ —— 2015 ᠣᠨ᠎ᠤ ᠳᠡᠭᠡᠳᠦ ᠬᠠᠭ᠋ᠠᠰ ᠵᠢᠯ᠎ᠤᠨ ᠥᠪᠥᠷ ᠮᠣᠩᠭᠣᠯ᠎ᠤᠨ ᠠᠵᠤ ᠠᠬᠤᠶ ᠵᠢᠨ ᠪᠠᠶ᠋ᠢᠳᠠᠯ᠎ᠤᠨ ᠵᠠᠳᠠᠯᠤᠯᠲᠠ ᠪᠠ ᠳᠣᠣᠷᠠᠳᠤ ᠬᠠᠭ᠋ᠠᠰ ᠵᠢᠯ᠎ᠤᠨ ᠮᠠᠭ᠋ᠠᠳᠯᠠᠯᠲᠠ
ᠲᠣᠭᠲᠠᠴᠠ ᠵᠢ ᠪᠠᠢ᠌ᠭᠤᠯᠤᠨ ᠦᠢ᠍ᠯᠡᠴᠢᠯᠡᠭᠡ᠎ᠪᠠᠨ ᠴᠢᠨᠭ᠌ᠭ᠋ᠠᠳᠬᠠᠵᠤ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠨ ᠤᠷᠳᠤᠰ ᠬᠤᠳᠠ ᠵᠢᠨ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶᠠᠨ᠎ᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ
ᠲᠦᠩᠯᠢᠶᠣᠤ ᠬᠣᠲᠠ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠠᠲᠠᠭᠤ ᠲᠦᠰᠢᠭ ᠲᠤᠯᠭ᠋ᠠᠭᠤᠷᠢ ᠪᠣᠯᠭ᠋ᠠᠪᠠ
ᠤᠯᠠᠭ᠋ᠠᠨᠬᠠᠳᠠ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠨᠢ ᠤᠯᠠᠭ᠋ᠠᠨᠬᠠᠳᠠ 《ᠬᠠᠭᠤᠷᠠᠢ ᠭᠠᠷᠠᠮ》᠎ᠢ ᠪᠦᠲᠦᠭᠡᠨ ᠪᠠᠢ᠌ᠭᠤᠯᠪᠠ
ᠬᠦᠴᠤ ᠴᠢᠳᠠᠯ ᠵᠶ᠋ᠡᠨ ᠲᠤᠢ᠌ᠯ᠎ᠤᠨ ᠤᠨᠤᠴᠢᠲᠠᠢ ᠬᠡᠷᠡᠭᠯᠡᠵᠦ ᠠᠵᠢᠯ ᠤᠯᠭᠤᠬᠤ ᠢᠨᠵᠸᠨ᠋ᠸᠷᠢᠩ᠎ᠢ ᠬᠦᠨᠵᠡᠭᠡᠢ ᠠᠬᠢᠭᠤᠯᠤᠨ ᠠᠵᠢᠯ ᠤᠯᠭᠤᠬᠤ ᠬᠠᠷᠠᠯᠳᠠ ᠵᠢᠨ ᠡᠭᠦᠷᠭᠡ ᠵᠢ ᠪᠠᠳᠤᠯᠠᠨ ᠪᠡᠶᠡᠯᠡᠭᠦᠯᠤᠶ᠎ᠡ
 
            