ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠮᠠᠨ᠎ᠤ ᠣᠷᠣᠨ᠎ᠤ 46 ᠲᠥᠷᠥᠯ᠎ᠤᠨ ᠲᠠᠷᠢᠶᠠᠯᠠᠩ ᠮᠠᠯ ᠠᠵᠤ ᠠᠬᠤᠢ ᠵᠢᠨ ᠳᠡᠭᠡᠳᠦ ᠰᠢᠨ᠎ᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ ᠪᠦᠲᠦᠭᠡᠯ ᠶᠠᠩ ᠯᠢᠩ ᠲᠠᠷᠢᠶᠠᠯᠠᠩ᠎ᠤᠨ ᠳᠡᠭᠡᠳᠦ ᠰᠢᠨ᠎ᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠦᠲᠦᠭᠡᠭᠳᠡᠬᠦᠨ᠎ᠤ ᠳᠡᠯᠭᠡᠨ ᠦᠵᠡᠭᠦᠯᠦᠯᠭᠡ ᠵᠢᠨ ᠴᠤᠭᠯᠠᠭ᠋ᠠᠨ᠎ᠳᠤ ᠨᠢᠭᠤᠷ ᠵᠣᠯᠭ᠋ᠠᠭᠰᠠᠨ ᠪᠠᠢ᠌ᠨ᠎ᠠ
ᠨᠡᠶ᠋ᠢᠲᠡᠯᠡᠭᠰᠡᠨ ᠴᠠᠭ᠄ 2015-11-09

   11 ᠳ᠋ᠦ᠍ᠭᠡᠷ ᠰᠠᠷ᠎ᠠ ᠵᠢᠨ 5᠎ᠤ ᠡᠳᠦᠷ᠎ᠤᠨ ᠦᠳᠡ ᠵᠢᠨ ᠡᠮᠦᠨ᠎ᠡ᠂ ᠲᠠᠷᠢᠶᠠᠯᠠᠩ᠎ᠤᠨ ᠶᠠᠮᠤᠨ᠂ ᠰᠢᠨᠵᠢᠯᠡᠬᠦ ᠤᠬᠠᠭ᠋ᠠᠨ ᠮᠡᠷᠭᠡᠵᠢᠯ ᠶᠠᠮᠤᠨ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ 19 ᠶᠠᠮᠤᠨ ᠵᠥᠪᠯᠡᠯ᠎ᠤᠨ ᠬᠠᠮᠲᠤᠷᠠᠨ ᠡᠷᠬᠢᠯᠡᠭᠰᠡᠨ 22 ᠳ᠋ᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠶᠠᠩ ᠯᠢᠩ ᠲᠠᠷᠢᠶᠠᠯᠠᠩ᠎ᠤᠨ ᠳᠡᠭᠡᠳᠦ ᠰᠢᠨ᠎ᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠦᠲᠦᠭᠡᠭᠳᠡᠬᠦᠨ᠎ᠤ ᠳᠡᠯᠭᠡᠨ ᠦᠵᠡᠭᠦᠯᠦᠯᠭᠡ ᠵᠢᠨ ᠴᠤᠭᠯᠠᠭ᠋ᠠᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠲᠣᠭᠣᠷᠢᠭ ᠶᠠᠩ ᠯᠢᠩ᠎ᠳᠤ ᠡᠬᠢᠯᠡᠵᠡᠢ᠃ ᠮᠠᠨ᠎ᠤ ᠣᠷᠣᠨ᠎ᠤ 12 ᠠᠢ᠌ᠮᠠᠭ ᠬᠣᠲᠠ᠂ ᠳᠡᠭᠡᠳᠦ ᠰᠤᠷᠭ᠋ᠠᠭᠤᠯᠢ᠂ ᠬᠦᠷᠢᠶᠡᠯᠡᠩ ᠲᠣᠭᠣᠷᠢᠭ᠂ ᠲᠠᠷᠢᠶᠠᠯᠠᠩ᠎ᠳᠤ ᠬᠣᠯᠪᠣᠭᠳᠠᠬᠤ ᠠᠵᠤ ᠠᠬᠤᠢ᠌ᠯᠠᠯ ᠵᠶ᠋ᠠᠷ ᠪᠦᠷᠢᠯᠳᠦᠭᠰᠡᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ 5 ᠡᠳᠦᠷ᠎ᠤᠨ ᠳᠡᠯᠭᠡᠨ ᠦᠵᠡᠭᠦᠯᠦᠯᠭᠡ ᠵᠢᠨ ᠴᠤᠭᠯᠠᠭ᠋ᠠᠨ ᠳᠡᠭᠡᠷ᠎ᠡ ᠲᠠᠷᠢᠶᠠᠯᠠᠩ ᠮᠠᠯ ᠠᠵᠤ ᠠᠬᠤᠢ ᠵᠢᠨ 46 ᠳᠡᠭᠡᠳᠦ ᠰᠢᠨ᠎ᠡ ᠰᠢᠨᠵᠢᠯᠡᠬᠦ ᠤᠬᠠᠭ᠋ᠠᠨ ᠮᠡᠷᠭᠡᠵᠢᠯ᠎ᠤᠨ   ᠦᠷ᠎ᠡ ᠪᠦᠲᠦᠭᠡᠯ᠎ᠢ ᠳᠡᠯᠭᠡᠭᠡᠨ ᠦᠵᠡᠭᠦᠯᠬᠦ ᠪᠣᠯᠣᠨ᠎ᠠ᠃
      ᠮᠠᠨ᠎ᠤ ᠣᠷᠣᠨ᠎ᠤ ᠳᠡᠯᠭᠡᠨ ᠦᠵᠡᠭᠦᠯᠦᠯᠭᠡ᠎ᠳᠤ ᠣᠷᠣᠯᠴᠠᠬᠤ ᠲᠦᠷᠦᠯ ᠵᠦᠢ᠍ᠯ᠎ᠨᠢ ᠪᠣᠬᠢᠷᠳᠠᠯ ᠦᠭᠡᠢ ᠠᠮᠢᠳᠤ ᠪᠣᠳᠠᠰ᠎ᠤᠨ ᠪᠣᠷᠳᠣᠭᠤᠷ᠂ ᠮᠠᠯ ᠠᠵᠤ ᠠᠬᠤᠢ ᠪᠣᠯᠣᠨ ᠲᠠᠷᠢᠮᠠᠯ᠎ᠤᠨ ᠡᠳ᠋ᠰᠢᠭᠦᠯᠦᠭᠰᠡᠨ ᠰᠢᠨ᠎ᠡ ᠡᠭᠦᠯᠳᠡᠷ᠂ ᠣᠨᠴᠠᠯᠢᠭᠲᠤ ᠲᠠᠷᠢᠶᠠᠯᠠᠩ᠎ᠤᠨ ᠪᠦᠲᠦᠭᠡᠭᠳᠡᠬᠦᠨ ᠪᠣᠯᠣᠨ ᠨᠠᠷᠠᠯᠢᠭ ᠪᠣᠯᠪᠠᠰᠤᠷᠠᠭᠤᠯᠤᠭᠰᠠᠨ ᠲ᠋ᠠᠷᠢᠶᠠᠯᠠᠩ᠎ᠤᠨ ᠪᠦᠲᠦᠭᠡᠭᠳᠡᠬᠦᠨ ᠵᠡᠷᠭᠡ ᠣᠨᠴᠠᠯᠢᠭᠲᠤ ᠳᠠᠪᠠᠭᠤᠯᠢᠭ ᠬᠦᠷᠢᠶ᠎ᠠ ᠬᠡᠪᠴᠢᠶᠡᠨ᠎ᠳᠤ ᠬᠣᠯᠪᠣᠭᠳᠠᠵᠠᠢ᠃ ᠴᠤᠭᠯᠠᠭ᠋ᠠᠨ᠎ᠤ ᠡᠬᠢᠨ᠎ᠤ ᠡᠳᠦᠷ᠂ ᠮᠠᠨ᠎ᠤ ᠣᠷᠣᠨ᠎ᠤ ᠲᠥᠯᠥᠭᠡᠯᠡᠭᠴᠢᠳ᠎ᠤᠨ ᠪᠦᠯᠬᠦᠮ 《2016 ᠣᠨ   ᠤᠯᠠᠭ᠋ᠠᠨᠬᠠᠳᠠ᠂ ᠳᠤᠮᠳᠠᠳᠤ ᠤᠯᠤᠰ᠎ᠤᠨ ᠤᠮᠠᠷᠠᠲᠤ ᠣᠷᠣᠨ᠎ᠤ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠳᠡᠯᠭᠡᠭᠡᠨ ᠦᠵᠡᠭᠦᠯᠦᠯᠭᠡ ᠵᠢᠴᠢ ᠪᠦᠬᠦ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠳᠡᠯᠭᠡᠭᠡᠨ ᠦᠵᠡᠭᠦᠯᠦᠯᠭᠡ ᠵᠢᠨ ᠴᠤᠭᠯᠠᠭ᠋ᠠᠨ᠎ᠤ ᠲᠤᠷᠠᠭ᠋ᠠᠨ ᠵᠠᠮ᠎ᠤᠨ ᠰᠢᠨ᠎ᠡ ᠡᠭᠦᠳᠦᠯᠲᠡ ᠵᠢᠨ ᠲᠥᠷᠥᠯ ᠲᠡᠮᠳᠡᠭᠲᠦ ᠵᠢ ᠳᠡᠯᠭᠡᠨ ᠦᠵᠡᠭᠦᠯᠬᠦ ᠰᠣᠯᠢᠯᠴᠠᠭ᠋ᠠᠨ ᠠᠷᠠᠯᠵᠢᠶᠠᠨ᠎ᠤ ᠬᠤᠷᠠᠯ》᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠡᠢ᠃ ᠲᠤᠰ ᠡᠳᠦᠷ᠂ ᠥᠪᠥᠷ ᠮᠣᠩᠭᠣᠯ᠎ᠤᠨ ᠰᠠᠨᠰᠠᠷ ᠠᠶᠠᠯᠠᠭᠴᠢ ᠳᠡᠭᠡᠳᠦ ᠮᠡᠷᠭᠡᠵᠢᠯ᠎ᠤᠨ ᠪᠦᠲᠦᠭᠡᠭᠳᠡᠬᠦᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠎ᠨᠢ ᠪᠠᠰᠠ ᠰᠢ ᠠᠨ᠎ᠤ ᠮᠠᠢ ᠴᠢ ᠳ᠋ᠣᠣ ᠠᠷᠠᠯᠵᠢᠶ᠎ᠠ ᠬᠤᠳᠠᠯᠳᠤᠭ᠋ᠠᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠎ᠯᠤᠭ᠎ᠠ ᠪᠠᠷᠠᠭᠤᠨ ᠣᠷᠣᠨ᠎ᠤ ᠴᠢᠴᠢᠷᠭ᠋ᠠᠨ᠎ᠠ ᠵᠢᠨ ᠳᠡᠭᠡᠳᠦ ᠮᠡᠷᠭᠡᠵᠢᠯ᠎ᠤᠨ ᠪᠦᠲᠦᠭᠡᠭᠳᠡᠬᠦᠨ᠎ᠤ ᠠᠵᠤ ᠦᠢ᠍ᠯᠡᠰᠵᠢᠯᠲᠡ ᠵᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠪᠦᠲᠦᠭᠡᠭᠳᠡᠬᠦᠨ᠎ᠤ ᠵᠠᠬ᠎ᠠ ᠳᠡᠯᠭᠡᠭᠦᠷ᠎ᠤᠨ ᠳᠡᠯᠭᠡᠷᠡᠭᠦᠯᠬᠦ ᠬᠠᠮᠲᠤᠷᠠᠯᠴᠠᠭ᠎ᠠ ᠵᠢᠨ ᠬᠡᠯᠡᠯᠴᠡᠭᠡᠷ᠎ᠲᠤ ᠭᠠᠷ᠎ᠤᠨ ᠦᠰᠦᠭ ᠵᠢᠷᠤᠬᠤ ᠶᠣᠰᠣᠯᠠᠯ ᠶᠠᠪᠤᠭᠤᠯᠵᠤ᠂ ᠬᠡᠯᠡᠯᠴᠡᠭᠡᠷ᠎ᠤᠨ ᠵᠣᠭᠣᠰᠤᠨ ᠲᠣᠭ᠎ᠠ᠎ᠨᠢ 3.6 ᠳ᠋ᠦᠩᠰᠢᠭᠤᠷ ᠲᠥᠭᠥᠷᠢᠭ ᠪᠤᠯᠠᠪᠠ᠃
      ᠲᠣᠰ ᠬᠤᠭᠤᠴᠠᠭ᠋ᠠᠨ᠎ᠤ ᠦᠵᠡᠭᠦᠯᠦᠯᠭᠡ ᠵᠢᠨ ᠴᠤᠭᠯᠠᠭ᠋ᠠᠨ᠎ᠨᠢ ᠣᠨᠴᠠᠯᠢᠭᠲᠤ ᠣᠳᠣ ᠦᠶ᠎ᠡ ᠵᠢᠨ ᠲᠠᠷᠢᠶᠠᠯᠠᠩ᠎ᠢ ᠬᠥᠲᠥᠯᠬᠦ᠎ᠪᠠᠷ ᠭᠣᠣᠯ ᠰᠡᠳᠦᠪ ᠪᠣᠯᠭ᠋ᠠᠵᠤ᠂ ᠭᠣᠣᠯ ᠠᠭᠤᠯᠭ᠎ᠠ᠎ᠳᠤ ᠰᠢᠨ᠎ᠡ ᠲᠤᠷᠠᠭ᠋ᠠᠨ ᠵᠠᠮ᠎ᠤᠨ ᠰᠢᠨ᠎ᠡ ᠲᠥᠷᠥᠯ ᠲᠡᠮᠳᠡᠭᠲᠦ ᠵᠢ ᠡᠭᠦᠳᠬᠦ ᠠᠵᠢᠯᠯᠠᠭ᠎ᠠ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠯᠡᠩ ᠲᠣᠭᠣᠷᠢᠭ᠎ᠤᠨ ᠬᠤᠯᠪᠤᠭ᠋ᠠᠲᠤ ᠦᠵᠡᠭᠦᠯᠦᠯᠭᠡ᠂ ᠤᠯᠠᠨ ᠤᠯᠤᠰ᠎ᠤᠨ ᠲᠠᠷᠢᠶᠠᠯᠠᠩ᠎ᠤᠨ ᠬᠠᠮᠲᠤᠷᠠᠯᠴᠠᠭ᠎ᠠ ᠰᠣᠯᠢᠯᠴᠠᠭ᠎ᠠ᠂ ᠣᠳᠣ ᠦᠶ᠎ᠡ ᠵᠢᠨ ᠲᠠᠷᠢᠶᠠᠯᠠᠩ᠎ᠤᠨ ᠣᠨᠣᠯ᠎ᠤᠨ ᠰᠤᠳᠤᠯᠤᠯ ᠶᠠᠷᠢᠯᠴᠠᠭ᠎ᠠ ᠵᠡᠷᠭᠡ ᠨᠠᠢ᠍ᠮᠠᠨ ᠶᠡᠬᠡ ᠬᠡᠰᠡᠭ᠎ᠤᠨ ᠵᠠᠭᠤ ᠰᠢᠬᠠᠮ ᠠᠵᠢᠯᠯᠠᠭ᠎ᠠ ᠵᠢ ᠪᠠᠭᠲᠠᠭ᠋ᠠᠵᠤ᠂ 《ᠨᠢᠭᠡ ᠪᠦᠰᠡ ᠨᠢᠭᠡ ᠵᠠᠮ》᠎ᠤᠨ ᠡᠯᠧᠮᠧᠨ᠋ᠲ ᠳᠤᠪᠤᠢ᠌ᠯᠭ᠋ᠠᠵᠠᠢ᠃

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠦᠬᠠᠢ ᠬᠣᠲᠠ᠄ ᠤᠶᠤᠨᠳᠤ ᠬᠣᠲᠠ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠭᠡᠵᠦ ᠮᠡᠳᠡᠭᠡ ᠵᠠᠩᠭᠢ ᠎ᠪᠠᠷ ᠠᠷᠠᠳ᠎ᠲᠤ ᠠᠰᠢᠭ ᠭᠦᠷᠳᠡᠭᠡᠬᠦ ᠠᠯᠬᠤᠮ᠎ᠢ ᠠᠬᠢᠭᠤᠯᠤᠶ᠎ᠠ
ᠰᠢᠶᠠᠨ᠎ᠤ ᠱᠠᠲᠤᠨ᠎ᠤ ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠣᠷᠢᠶᠠᠨ᠎ᠤ ᠶᠡᠷᠥᠩᠬᠡᠢ᠌ᠯᠡᠭᠰᠡᠨ ᠦᠭᠡᠷᠡᠴᠢᠯᠡᠯᠲᠡ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠵᠦ ᠣᠯᠠᠨ ᠲᠦᠮᠡᠨ᠎ᠤ 《ᠡᠪᠡᠳᠴᠢᠨ ᠦᠵᠡᠭᠥᠯᠬᠦ᠎ᠳᠤ ᠬᠦᠴᠢᠷ᠎ᠲᠠᠢ᠂ ᠡᠪᠡᠳᠴᠢᠨ ᠦᠵᠡᠭᠥᠯᠬᠦ᠎ᠳᠤ ᠦᠨᠡᠲᠡᠢ》 ᠪᠠᠢ᠌ᠬᠤ ᠠᠰᠠᠭᠤᠳᠠᠯ᠎ᠢ ᠤᠯᠠᠮ ᠨᠢᠭᠡ ᠠᠯᠬᠤᠮ ᠰᠢᠢ᠍ᠳᠪᠥᠷᠢᠯᠡᠶ᠎ᠡ
ᠤᠷᠳᠤᠰ ᠬᠤᠲᠠ《ᠵᠢᠷᠭᠤᠭ᠎ᠠ ᠵᠢ ᠨᠢᠭᠡ ᠴᠤᠭᠴᠠᠵᠢᠭᠤᠯᠤᠨ᠂ ᠠᠷᠪᠠ ᠵᠢ ᠪᠦᠷᠢᠨ ᠪᠦᠷᠬᠦᠭᠦᠯᠬᠦ 》 ᠵᠢ ᠨᠢᠭᠡᠳᠤᠯᠲᠠᠢ ᠲᠦᠯᠬᠢᠨ ᠠᠬᠢᠭᠤᠯᠪᠠ
2015 —2017 ᠤᠨ᠎ᠤ ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠮᠠᠰᠢᠨ ᠪᠠᠭ᠋ᠠᠵᠢ ᠬᠤᠳᠠᠯᠳᠤᠨ ᠠᠪᠬᠤ᠎ᠳᠤ ᠨᠥᠬᠥᠪᠥᠷᠢ ᠥᠭᠬᠦ ᠲᠥᠷᠥ ᠵᠢᠨ ᠪᠣᠳᠣᠯᠭ᠎ᠠ
ᠭᠠᠵᠠᠷ ᠰᠢᠷᠣᠶ ᠵᠢ ᠠᠷᠪᠢᠲᠠᠶ ᠡᠷᠴᠢᠮᠯᠢᠭ ᠠᠰᠢᠭᠯᠠᠵᠤ ᠭᠠᠵᠠᠷ ᠰᠢᠷᠣᠶ ᠵᠢ ᠠᠰᠢᠭᠯᠠᠬᠤ ᠠᠷᠭ᠎ᠠ ᠮᠠᠶᠢᠭ᠎ᠢ ᠦᠨᠳᠦᠰᠦᠨ᠎ᠠᠴᠠ᠎ᠨᠢ ᠬᠤᠪᠢᠷᠠᠭᠤᠯᠬᠤ ᠵᠢ ᠳᠥᠯᠭᠢᠨ ᠠᠬᠢᠭᠤᠯᠬᠤ ᠬᠡᠷᠡᠭᠲᠡᠢ
 
            