ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠲᠣᠭᠲᠠᠴᠠ ᠵᠢ ᠪᠠᠢ᠌ᠭᠤᠯᠤᠨ ᠦᠢ᠍ᠯᠡᠴᠢᠯᠡᠭᠡ᠎ᠪᠠᠨ ᠴᠢᠨᠭ᠌ᠭ᠋ᠠᠳᠬᠠᠵᠤ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠨ ᠤᠷᠳᠤᠰ ᠬᠤᠳᠠ ᠵᠢᠨ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶᠠᠨ᠎ᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2015-12-16


      ᠰᠣᠷᠪᠤᠯᠵᠢᠯᠠᠭᠰᠠᠨ ᠴᠠᠭ᠄
     2015 ᠣᠨ᠎ᠤ 11 ᠳ᠋ᠤᠭᠡᠷ ᠰᠠᠷ᠎ᠠ ᠵᠢᠨ 23᠎ᠤ ᠡᠳᠦᠷ᠎ᠤᠨ ᠦᠳᠡ ᠵᠢᠨ ᠬᠣᠢ᠌ᠨ᠎ᠠ ᠵᠢᠨ 3 ᠴᠠᠭ
      ᠰᠣᠷᠪᠤᠯᠵᠢᠯᠠᠭᠰᠠᠨ ᠵᠣᠴᠢᠨ᠄
      ᠣᠷᠳᠣᠰ ᠬᠣᠲᠠ ᠵᠢᠨ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠦᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠡᠷᠬᠢᠯᠡᠭᠴᠢ   ᠡᠾᠸ ᠲᠣᠣ
      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
      ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠨᠢ ᠲᠥᠭ ᠲᠦᠮᠡᠨ ᠠᠶ᠋ᠢᠯ ᠡᠷᠤᠬᠡ ᠵᠢᠨ ᠡᠷᠡᠭᠦᠯ ᠮᠡᠨᠳᠦ ᠠᠵᠠ ᠵᠢᠷᠭ᠋ᠠᠯ᠎ᠲᠠᠢ ᠬᠣᠯᠪᠤᠭᠳᠠᠬᠤ ᠠᠷᠠᠳ᠎ᠤᠨ ᠠᠮᠢᠳᠤᠷᠠᠯ᠎ᠤᠨ ᠴᠢᠬᠤᠯᠠ ᠢᠨᠵᠧᠨᠧᠷᠢᠩ ᠮᠦᠨ ᠪᠥᠭᠡᠳ᠂ ᠤᠯᠠᠨ ᠲᠦᠮᠡᠨ᠎ᠤ ᠡᠪᠡᠳᠴᠢᠨ ᠦᠵᠡᠭᠦᠯᠬᠦ᠎ᠳᠤ ᠬᠦᠴᠢᠷᠲᠡᠶ᠂ ᠡᠪᠡᠳᠴᠢᠨ ᠦᠵᠡᠭᠦᠯᠬᠦ᠎ᠳᠤ ᠦᠨᠡᠲᠡᠶ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠬᠥ ᠵᠢᠨ ᠵᠠᠩᠭᠢᠯᠠᠭ᠎ᠠ ᠪᠣᠯᠵᠤ᠂ ᠨᠡᠶ᠋ᠢᠭᠡᠮ ᠨᠡᠶ᠋ᠢᠲᠡ ᠵᠢᠨ ᠡᠯ᠎ᠡ ᠡᠲᠡᠭᠡᠳ᠎ᠤᠨ᠎ᠬᠢᠨ᠎ᠤ ᠠᠩᠬᠠᠷᠤᠯ᠎ᠢ ᠶᠡᠬᠡᠪᠡᠷ ᠲᠠᠲᠠᠵᠤ ᠪᠠᠢ᠌ᠨ᠎ᠠ᠃ ᠣᠶ᠋ᠢᠷ᠎ᠠ᠎ᠳᠤ᠂ ᠪᠢᠳᠡ ᠣᠷᠳᠣᠰ ᠬᠣᠲᠠ ᠵᠢᠨ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠦᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠡᠷᠬᠢᠯᠡᠭᠴᠢ ᠡᠾᠸ ᠲᠣᠣ ᠵᠢ ᠤᠷᠢᠨ ᠵᠠᠯᠠᠵᠦ ᠤᠷᠳᠤᠰ ᠬᠤᠳᠠ ᠵᠢᠨ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠥᠭᠡᠷᠡᠴᠢᠯᠡᠯᠲᠡ ᠵᠢᠨ ᠬᠠᠮᠢᠶ᠎ᠡ ᠪᠦᠬᠦᠢ ᠪᠠᠶ᠋ᠢᠳᠠᠯ᠎ᠤᠨ ᠲᠤᠬᠠᠢ ᠰᠦᠯᠵᠢᠶᠡᠨ ᠳᠡᠭᠡᠷ᠎ᠡ ᠲᠠᠶ᠋ᠢᠯᠤᠮᠵᠢ ᠬᠢᠯᠬᠡᠬᠥ᠎ᠪᠠᠷ ᠪᠤᠯᠪᠠ᠂ ᠲᠤᠬᠠᠢ ᠵᠢᠨ ᠴᠠᠭ᠎ᠲᠤ ᠰᠦᠯᠵᠢᠶᠡᠨ ᠠᠨᠳᠠ ᠨᠠᠷ ᠢᠳᠡᠪᠬᠢᠲᠡᠢ ᠤᠷᠤᠯᠴᠠᠬᠤ ᠪᠤᠯᠪᠠᠤ!

      ᠰᠤᠷᠪᠤᠯᠵᠢᠯᠠᠨ ᠶᠠᠷᠢᠯᠴᠠᠭᠰᠠᠨ ᠲᠣᠪᠴᠢ᠄

      ᠬᠦᠳᠤᠯᠦᠭᠴᠢ᠄
      ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨᠤ? ᠲᠠ ᠪᠦᠬᠦᠨ 《ᠳᠤᠮᠳᠠᠳᠤ ᠤᠯᠤᠰ     ᠦᠪᠤᠷ ᠮᠤᠩᠭᠤᠯ》 ᠰᠦᠯᠵᠢᠶᠡᠨ᠎ᠤ ᠰᠤᠷᠪᠤᠯᠵᠢᠯᠠᠭ᠎ᠠ ᠶᠠᠷᠢᠯᠴᠠᠭ᠎ᠠ ᠵᠢᠨ ᠪᠤᠯᠤᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠳᠤᠵᠦ ᠪᠠᠢ᠌ᠨ᠎ᠠ᠃ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠨᠢ ᠲᠥᠭ ᠲᠦᠮᠡᠨ ᠠᠶ᠋ᠢᠯ ᠡᠷᠤᠬᠡ ᠵᠢᠨ ᠡᠷᠡᠭᠦᠯ ᠮᠡᠨᠳᠦ ᠠᠵᠠ ᠵᠢᠷᠭ᠋ᠠᠯ᠎ᠲᠠᠢ ᠬᠣᠯᠪᠤᠭᠳᠠᠬᠤ ᠠᠷᠠᠳ᠎ᠤᠨ ᠠᠮᠢᠳᠤᠷᠠᠯ᠎ᠤᠨ ᠴᠢᠬᠤᠯᠠ ᠢᠨᠵᠧᠨᠧᠷᠢᠩ ᠮᠦᠨ ᠪᠥᠭᠡᠳ᠂ ᠤᠯᠠᠨ ᠲᠦᠮᠡᠨ᠎ᠤ ᠡᠪᠡᠳᠴᠢᠨ ᠦᠵᠡᠭᠦᠯᠬᠦ᠎ᠳᠤ ᠬᠦᠴᠢᠷᠲᠡᠶ᠂ ᠡᠪᠡᠳᠴᠢᠨ ᠦᠵᠡᠭᠦᠯᠬᠦ᠎ᠳᠤ ᠦᠨᠡᠲᠡᠶ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠬᠥ ᠵᠢᠨ ᠵᠠᠩᠭᠢᠯᠠᠭ᠎ᠠ ᠪᠣᠯᠵᠤ᠂ ᠨᠡᠶ᠋ᠢᠭᠡᠮ ᠨᠡᠶ᠋ᠢᠲᠡ ᠵᠢᠨ ᠡᠯ᠎ᠡ ᠡᠲᠡᠭᠡᠳ᠎ᠤᠨ᠎ᠬᠢᠨ᠎ᠤ ᠠᠩᠬᠠᠷᠤᠯ᠎ᠢ ᠶᠡᠬᠡᠪᠡᠷ ᠲᠠᠲᠠᠵᠤ ᠪᠠᠢ᠌ᠨ᠎ᠠ᠃ ᠦᠨᠦᠳᠤᠷ ᠪᠢᠳᠡᠨ᠎ᠤ ᠤᠷᠢᠨ ᠵᠠᠯᠠᠭᠰᠠᠨ ᠵᠤᠴᠢᠨ ᠪᠤᠯ ᠣᠷᠳᠣᠰ ᠬᠣᠲᠠ ᠵᠢᠨ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠦᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠡᠷᠬᠢᠯᠡᠭᠴᠢ ᠡᠾᠸ ᠲᠣᠣ ᠪᠤᠯᠤᠨ᠎ᠠ᠂ ᠳᠡᠷᠡ ᠤᠳᠤ ᠤᠷᠳᠤᠰ ᠬᠤᠳᠠ ᠵᠢᠨ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶᠠᠨ᠎ᠤ ᠥᠭᠡᠷᠡᠴᠢᠯᠡᠯᠲᠡ ᠵᠢᠨ ᠬᠠᠮᠢᠶ᠎ᠡ ᠪᠥᠬᠦᠢ ᠪᠠᠢ᠌ᠳᠠᠯ᠎ᠢ ᠪᠢᠳᠡᠨᠠᠷ᠎ᠲᠤ ᠲᠠᠨᠢᠯᠴᠠᠭᠤᠯᠬᠤ ᠪᠣᠯᠣᠨ᠎ᠠ᠃ ᠡᠾᠸ ᠡᠷᠬᠢᠯᠡᠭᠴᠢ ᠡ᠂ ᠲᠠᠨ᠎ᠢ ᠪᠠᠶᠠᠷᠯᠠᠨ ᠤᠭᠳᠤᠵᠦ ᠪᠠᠢ᠌ᠨ᠎ᠠ!
      ᠡᠾᠸ ᠲᠣᠣ᠄
      ᠬᠦᠳᠤᠯᠦᠭᠴᠢ ᠰᠠᠢ᠌ᠨ ᠤᠤ? ᠰᠦᠯᠵᠢᠶᠡᠨ ᠠᠨᠳᠠ ᠨᠠᠷ ᠰᠠᠢ᠌ᠨ ᠪᠠᠢ᠌ᠴᠠᠭ᠋ᠠᠨᠠᠤ? 《ᠳᠤᠮᠳᠠᠳᠤ ᠤᠯᠤᠰ   ᠦᠪᠤᠷ ᠮᠤᠩᠭᠤᠯ》 ᠰᠦᠯᠵᠢᠶᠡᠨ᠎ᠤ ᠰᠤᠷᠪᠤᠯᠵᠢᠯᠠᠭ᠎ᠠ ᠶᠠᠷᠢᠯᠴᠠᠭ᠎ᠠ ᠵᠢᠨ ᠪᠤᠯᠤᠩ᠎ᠳᠤ ᠤᠷᠢᠭᠳᠠᠵᠤ ᠲᠠ ᠨᠠᠷ᠎ᠲᠠᠢ ᠰᠠᠨᠠᠯ ᠵᠶ᠋ᠠᠨ ᠰᠣᠯᠢᠯᠴᠠᠬᠤ ᠪᠣᠯᠣᠭᠰᠠᠨ᠎ᠳᠠᠭᠠᠨ ᠮᠠᠰᠢ ᠪᠠᠶᠠᠷᠲᠠᠢ ᠪᠠᠢ᠌ᠨ᠎ᠠ!
      ᠬᠦᠳᠦᠯᠦᠭᠴᠢ᠄
      ᠡᠾᠸ ᠡᠷᠬᠢᠯᠡᠭᠴᠢ ᠡ᠂ ᠲᠠ ᠶᠠᠭᠤᠨ᠎ᠤ ᠤᠷᠢᠳ ᠣᠷᠳᠣᠰ ᠬᠣᠲᠠ ᠵᠢᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠭᠰᠡᠨ ᠠᠬᠢᠴᠠ ᠵᠢ ᠲᠠᠨᠢᠯᠴᠠᠭᠤᠯᠤᠭ᠋ᠠᠳ ᠦᠭᠬᠦᠨᠡᠤ?
      ᠡᠾᠸ ᠲᠣᠣ᠄
     2009 ᠣᠨ᠎ᠳᠤ ᠤᠯᠤᠰ᠎ᠠᠴᠠ ᠰᠢᠨ᠎ᠡ ᠨᠢᠭᠡᠨ ᠡᠭᠡᠯᠵᠢ ᠵᠢᠨ ᠡᠮ ᠡᠮᠨᠡᠯᠭᠡ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠡᠬᠢᠯᠡᠭᠦᠯᠦᠭᠰᠡᠨ᠎ᠠᠴᠠ ᠨᠠᠰᠢ᠂ ᠤᠷᠳᠤᠰ ᠬᠤᠳᠠ᠎ᠨᠢ ᠬᠤᠳᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠵᠥᠪ ᠤᠳᠤᠷᠢᠳᠤᠯᠭ᠎ᠠ ᠳᠣᠣᠷ᠎ᠠ᠂ 《ᠦᠨᠳᠦᠰᠦᠨ ᠵᠦᠢ᠍ᠯ᠎ᠢ ᠪᠠᠲᠤᠯᠠᠬᠤ᠂ ᠦᠨᠳᠦᠰᠦᠨ ᠱᠠᠳᠤ ᠵᠢ ᠬᠦᠴᠦᠷᠬᠡᠭᠵᠢᠭᠦᠯᠬᠦ᠂ ᠲᠣᠭᠲᠠᠴᠠ ᠪᠠᠶ᠋ᠢᠭᠤᠯᠬᠤ》 ᠦᠨᠳᠦᠰᠦᠨ ᠵᠠᠷᠴᠢᠮ ᠶᠣᠰᠤᠭ᠋ᠠᠷ᠂ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠲᠦᠷᠢᠮ ᠲᠣᠭᠲᠠᠭ᠋ᠠᠯ᠎ᠢ ᠪᠦᠷᠢᠨᠰᠢᠭᠦᠯᠵᠦ᠂ ᠣᠷᠣᠭᠤᠯᠤᠯᠲᠠ᠎ᠪᠠᠨ ᠨᠡᠮᠡᠭᠳᠡᠭᠦᠯᠦᠨ᠂ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠢᠯᠡᠳᠲᠡ ᠠᠬᠢᠴᠠ᠎ᠲᠠᠢ ᠪᠣᠯᠣᠭᠰᠠᠨ ᠠᠩᠬ᠎ᠠ ᠠᠯᠬᠤᠮ᠎ᠤᠨ ᠦᠷ᠎ᠡ ᠪᠥᠲᠦᠮᠵᠢ ᠣᠯᠪᠠ᠃ 2011 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠠᠴᠠ ᠣᠷᠳᠣᠰ ᠬᠣᠲᠠ ᠵᠢ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶᠠᠨ᠎ᠤ ᠥᠭᠡᠷᠡᠴᠢᠯᠡᠯᠲᠡ ᠵᠢᠨ ᠲᠤᠷᠰᠢᠯᠲᠠ ᠵᠢᠨ ᠬᠣᠲᠠ᠎ᠪᠠᠷ ᠲᠣᠭᠲᠠᠭ᠋ᠠᠵᠠᠢ᠃ 2014 ᠣᠨ᠎ᠳᠤ᠂ ᠤᠯᠤᠰ᠎ᠠᠴᠠ ᠤᠷᠳᠤᠰ ᠬᠤᠳᠠ ᠵᠢ ᠪᠦᠬᠦ ᠤᠯᠤᠰ᠎ᠤᠨ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠥᠭᠡᠷᠡᠴᠢᠯᠡᠯᠲᠡ ᠵᠢᠨ ᠬᠣᠶᠠᠳᠤᠭ᠋ᠠᠷ ᠪᠦᠯᠦᠭ᠎ᠤᠨ ᠲᠤᠷᠰᠢᠯᠲᠠ ᠵᠢᠨ ᠬᠤᠳᠠ᠎ᠪᠠᠷ ᠲᠣᠭᠲᠠᠭ᠋ᠠᠵᠠᠢ᠃ ᠡᠨᠡ᠎ᠨᠢ ᠮᠠᠨ᠎ᠤ ᠥᠭᠡᠷᠡᠴᠢᠯᠡᠯᠲᠡ ᠵᠢᠨ ᠢᠲᠡᠭᠡᠯ ᠵᠣᠷᠢᠭ᠎ᠢ ᠨᠡᠨᠭ ᠢᠯᠡᠭᠦᠦ ᠬᠥᠪᠴᠢᠯᠡᠵᠦ᠂ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠥᠭᠡᠷᠡᠴᠢᠯᠡᠯᠲᠡ ᠭᠣᠯᠳᠤ ᠭᠦᠨ ᠲᠡᠢ᠌ᠰᠢ ᠬᠥᠭᠵᠢᠬᠦ ᠵᠢ ᠲᠦᠯᠬᠢᠨ ᠠᠬᠢᠭᠤᠯᠵᠤ᠂ ᠬᠠᠮᠢᠶᠠᠷᠤᠯᠲᠠ ᠵᠢᠨ ᠪᠠᠶ᠋ᠢᠭᠤᠯᠤᠯ᠂ ᠨᠥᠬᠥᠪᠥᠷᠢᠯᠡᠬᠦ ᠲᠣᠭᠲᠠᠴᠠ᠂ ᠦᠨ᠎ᠡ ᠬᠠᠩᠰᠢ ᠵᠢᠨ ᠲᠣᠭᠲᠠᠴᠠ᠂ ᠡᠮ᠎ᠤᠨ ᠵᠦᠢ᠍ᠯ᠎ᠢ ᠬᠤᠳᠠᠯᠳᠤᠨ ᠠᠪᠬᠤ᠂ ᠠᠵᠢᠯᠲᠠᠨ᠎ᠤ ᠣᠷᠣᠨ ᠲᠣᠭ᠎ᠠ᠂ ᠣᠷᠣᠯᠭ᠎ᠠ ᠵᠢᠨ ᠬᠤᠪᠢᠶᠠᠷᠢᠯᠠᠯᠲᠠ᠂ ᠡᠮ ᠡᠮᠨᠡᠯᠭᠡ ᠵᠢᠨ ᠳᠠᠭ᠋ᠠᠳᠬᠠᠯ᠎ᠤᠨ ᠲᠥᠷᠢᠮ᠂ ᠬᠢᠨᠠᠨ ᠬᠠᠮᠢᠶᠠᠷᠬᠤ ᠲᠣᠭᠲᠠᠴᠠ ᠵᠡᠷᠭᠡ ᠲᠠᠯ᠎ᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠥᠷᠨᠢᠭᠦᠯᠵᠡᠢ᠃
      ᠬᠥᠲᠥᠯᠥᠭᠴᠢ᠄
      ᠣᠷᠳᠣᠰ ᠬᠣᠲᠠ ᠦᠨᠳᠦᠰᠦᠨ ᠱᠠᠲᠤᠨ᠎ᠤ ᠥᠭᠡᠷᠡᠴᠢᠯᠡᠯᠲᠡ ᠵᠢᠨ ᠲᠠᠯ᠎ᠠ᠎ᠪᠠᠷ ᠶᠠᠮᠠᠷ ᠶᠠᠮᠠᠷ ᠬᠠᠶ᠋ᠢᠨ ᠰᠦᠪᠡᠭᠴᠢᠯᠡᠯᠲᠡ ᠬᠢᠭᠰᠡᠨ ᠪᠤᠢ?
      ᠡᠾᠸ ᠲᠣᠣ᠄
      ᠭᠣᠣᠯᠳᠠᠭᠤ ᠳᠣᠣᠷᠠᠬᠢ ᠬᠡᠳᠦᠨ ᠲᠠᠯ᠎ᠠ᠎ᠪᠠᠷ ᠢᠯᠡᠷᠡᠵᠦ ᠪᠠᠶ᠋ᠢᠨ᠎ᠠ᠃ ᠨᠢᠭᠡ᠎ᠳᠤ ᠬᠣᠰᠢᠭᠤ ᠰᠤᠮᠤ ᠭᠠᠴᠠᠭ᠋ᠠᠨ᠎ᠤ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠢ ᠨᠢᠭᠡ ᠴᠤᠭᠴᠠᠵᠢᠭᠤᠯᠤᠭᠰᠠᠨ ᠬᠠᠮᠢᠶᠠᠷᠤᠯᠲᠠ ᠵᠢ ᠲᠦᠷᠦᠭᠦᠯᠦᠨ ᠥᠷᠨᠢᠭᠦᠯᠪᠡ᠃ ᠬᠣᠰᠢᠭᠤ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠪᠠᠷ ᠲᠦᠷᠦᠭᠦᠯᠡᠭᠦᠯᠦᠨ᠂ 《ᠡᠬᠢ ᠪᠠᠶᠠᠯᠢᠭ᠎ᠢ ᠬᠠᠮᠲᠤᠪᠠᠷ ᠡᠳ᠋ᠯᠡᠬᠥ᠂ ᠡᠷᠬᠡ ᠬᠠᠷᠢᠭᠤᠴᠠᠯᠭ᠎ᠠ ᠵᠢ ᠲᠣᠳᠣᠷᠬᠠᠢ᠌ᠯᠠᠬᠤ᠂ ᠨᠢᠭᠡᠳᠦᠯᠲᠡᠶ ᠡᠵᠡᠩᠨᠡᠬᠦ ᠪᠠ ᠲᠠᠷᠠᠬᠠᠶ ᠡᠵᠡᠩᠨᠡᠬᠦ ᠵᠢ ᠤᠶᠠᠯᠳᠤᠭᠤᠯᠬᠤ᠂ ᠵᠣᠬᠢᠴᠠᠩᠭᠤᠶ᠎ᠪᠠᠷ ᠬᠥᠭᠵᠢᠭᠦᠯᠬᠦ》 ᠵᠠᠷᠴᠢᠮ ᠶᠣᠰᠤᠭ᠋ᠠᠷ᠂ ᠬᠣᠰᠢᠭᠤ᠂ ᠰᠤᠮᠤ᠂ ᠭᠠᠴᠠᠭ᠋ᠠᠨ᠎ᠤ ᠡᠷᠡᠭᠦᠯ ᠬᠠᠮᠠᠭ᠋ᠠᠯᠠᠯ᠎ᠤᠨ ᠡᠬᠢ ᠪᠠᠶᠠᠯᠢᠭ ᠵᠢᠴᠢ ᠡᠷᠡᠭᠦᠯ ᠬᠠᠮᠠᠭ᠋ᠠᠯᠠᠯ᠎ᠤᠨ ᠮᠡᠷᠭᠡᠵᠢᠯ᠎ᠤᠨ ᠠᠵᠢᠯᠳᠠᠨ᠎ᠢ ᠨᠢᠭᠡᠳᠦᠯᠲᠡᠶ ᠲᠣᠬᠢᠷᠠᠭᠤᠯᠤᠨ ᠬᠡᠷᠡᠭᠯᠡᠵᠦ᠂ ᠪᠡᠶ᠎ᠡ᠎ᠪᠠᠨ ᠳᠠᠭ᠋ᠠᠭ᠋ᠠᠨ ᠡᠵᠡᠩᠨᠡᠵᠦ ᠪᠠᠶ᠋ᠢᠭ᠎ᠠ ᠭᠤᠷᠪᠠᠳᠤᠭ᠋ᠠᠷ ᠳᠡᠰ᠎ᠤᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢ 《ᠬᠠᠮᠵᠢᠯᠴᠠᠭ᠋ᠠᠲᠦ ᠴᠣᠭᠴᠠ》 ᠪᠣᠯᠭ᠋ᠠᠨ ᠵᠣᠬᠢᠶᠠᠨ ᠪᠠᠢ᠌ᠭᠤᠯᠤᠭᠰᠠᠨ᠎ᠤ ᠬᠠᠮᠲᠤ ᠭᠣᠣᠯᠳᠠᠯᠭ᠋ᠠᠲᠤ ᠣᠷᠣᠨ᠎ᠤ ᠡᠮᠨᠡᠯᠭᠡ ᠵᠢᠨ ᠬᠣᠷᠢᠶ᠎ᠡ᠎ᠨᠢ ᠨᠡᠶ᠋ᠢᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢ ᠠᠵᠢᠯ ᠲᠦᠷᠦᠯ ᠵᠶ᠋ᠠᠷ ᠵᠶ᠋ᠠᠨ ᠲᠤᠰᠠᠯᠠᠠᠬᠤ ᠠᠵᠢᠯ᠎ᠢ ᠥᠷᠨᠢᠭᠦᠯᠵᠦ᠂ ᠦᠨᠳᠦᠰᠦᠨ ᠱᠠᠲᠤᠨ᠎ᠳᠤ ᠠᠩᠬ᠎ᠠ ᠡᠮᠴᠢᠯᠡᠭᠦᠯᠬᠦ᠂ ᠬᠣᠶᠠᠷ ᠲᠡᠰᠢ ᠰᠢᠯᠵᠢᠭᠦᠯᠦᠨ ᠡᠮᠴᠢᠯᠡᠭᠦᠯᠬᠦ᠂ ᠠᠵᠢᠯ ᠬᠤᠪᠢᠶᠠᠷᠢᠯᠠᠨ ᠬᠠᠮᠵᠢᠯᠴᠠᠬᠤ ᠡᠮᠴᠢᠯᠡᠭᠡᠨ᠎ᠤ ᠰᠢᠨ᠎ᠡ ᠬᠡᠪ ᠪᠠᠢ᠌ᠳᠠᠯ᠎ᠢ ᠪᠤᠢ ᠪᠣᠯᠭ᠋ᠠᠪᠠ᠃ ᠬᠣᠶᠠᠷ᠎ᠲᠤ ᠡᠷᠡᠭᠦᠯ ᠬᠠᠮᠠᠭ᠋ᠠᠯᠠᠯ᠎ᠤᠨ ᠲᠣᠭᠲᠠᠮᠠᠯ ᠪᠠᠢ᠌ᠭᠤᠯᠤᠮᠵᠢ ᠬᠢᠭᠡᠳ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠨᠡᠭᠦᠳᠡᠯ ᠨᠢᠭᠡᠴᠡ ᠵᠢ ᠬᠠᠷᠢᠯᠴᠠᠨ ᠤᠶᠠᠯᠳᠤᠭᠤᠯᠤᠭᠰᠠᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠵᠠᠭᠪᠤᠷᠰᠢᠯ᠎ᠢ ᠬᠠᠮᠤᠭ᠎ᠤᠨ ᠲᠦᠷᠦᠭᠦᠯᠦᠨ ᠥᠷᠨᠢᠭᠦᠯᠪᠡ᠃ ᠬᠣᠰᠢᠭᠤ ᠲᠣᠭᠣᠷᠢᠭ᠎ᠤᠨ 6 ᠪᠦᠯᠦᠭ 《ᠨᠡᠭᠦᠳᠡᠯ ᠡᠮᠨᠡᠯᠭᠡ ᠵᠢᠨ ᠬᠣᠷᠢᠶ᠎ᠠ》᠎ᠳᠤ12 ᠲᠡᠷᠭᠡ ᠲᠣᠬᠢᠷᠠᠭᠤᠯᠤᠨ᠂ ᠪᠤᠶ᠋ᠢᠳᠠ ᠪᠥᠭᠯᠡᠭᠦᠦ ᠭᠠᠵᠠᠷ ᠣᠷᠣᠨ᠎ᠤ 《ᠲᠣᠰᠬᠣᠨ᠎ᠤ ᠨᠡᠭᠦᠳᠡᠯ ᠡᠷᠡᠭᠦᠯ ᠬᠠᠮᠠᠭ᠋ᠠᠯᠠᠯ᠎ᠤᠨ ᠳᠠᠰᠤᠭ》᠎ᠲᠤ 45 ᠵᠢ ᠲᠣᠬᠢᠷᠠᠭᠤᠯᠵᠤ᠂ ᠡᠷᠡᠭᠦᠯ ᠬᠠᠮᠠᠭ᠋ᠠᠯᠠᠯ᠎ᠤᠨ ᠲᠣᠭᠲᠠᠮᠠᠯ ᠪᠠᠶ᠋ᠢᠭᠤᠯᠤᠮᠵᠢ ᠪᠣᠯᠣᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠨᠡᠭᠦᠳᠡᠯ ᠨᠢᠭᠡᠴᠡ ᠵᠢᠨ ᠦᠢ᠍ᠯᠡᠴᠢᠯᠡᠭᠡᠨ᠎ᠤ ᠣᠷᠣᠨ ᠪᠦᠰᠡ ᠵᠢ ᠵᠦᠢ ᠵᠣᠬᠢᠰᠲᠠᠶ ᠬᠤᠪᠢᠶᠠᠷᠢᠯᠠᠵᠤ᠂ ᠪᠣᠶ᠋ᠢᠳᠠ ᠪᠥᠭᠯᠡᠭᠦᠦ ᠭᠠᠵᠠᠷ ᠣᠷᠣᠨ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠰᠠᠨᠠᠭ᠋ᠠᠴᠢᠯᠠᠭ᠎ᠠ᠎ᠠᠴᠠ᠎ᠪᠠᠨ ᠭᠦᠨᠵᠡᠭᠡᠶ᠋ᠢᠷᠡᠨ ᠡᠮ ᠡᠮᠨᠡᠯᠭᠡ ᠵᠢᠨ ᠠᠵᠢᠯᠯᠠᠭ᠎ᠠ ᠥᠷᠨᠢᠭᠦᠯᠵᠦ᠂ ᠡᠮ ᠡᠮᠨᠡᠯᠭᠡ ᠵᠢᠨ ᠦᠢ᠍ᠯᠡᠴᠢᠯᠡᠭᠡᠨ᠎ᠤ ᠪᠥᠷᠭᠦᠴᠡ ᠵᠢᠨ ᠬᠡᠪᠴᠢᠶ᠎ᠡ ᠵᠢ ᠤᠯᠠᠮ ᠨᠢᠭᠡ ᠠᠯᠬᠤᠮ ᠥᠷᠭᠡᠳᠬᠡᠵᠡᠢ᠃ ᠭᠤᠷᠪᠠ᠎ᠳᠤ ᠦᠢ᠍ᠯᠡᠴᠢᠯᠡᠭᠡ ᠵᠢᠨ ᠭᠡᠷ᠎ᠡ ᠪᠠᠢ᠌ᠭᠤᠯᠬᠤ ᠵᠢ ᠲᠦᠷᠦᠭᠦᠯᠦᠨ ᠥᠷᠨᠢᠭᠦᠯᠪᠡ᠃ ᠡᠮᠴᠢ ᠬᠢᠭᠡᠳ ᠭᠡᠷ ᠪᠦᠯᠢ ᠦᠢ᠍ᠯᠡᠴᠢᠯᠡᠭᠡᠨ᠎ᠤ ᠭᠡᠷ᠎ᠡ ᠪᠠᠢ᠌ᠭᠤᠯᠬᠤ ᠬᠡᠯᠪᠡᠷᠢ᠎ᠪᠠᠷ ᠳᠠᠮᠵᠢᠭᠤᠯᠤᠨ᠂ ᠭᠡᠷ ᠪᠦᠯᠢ ᠵᠢᠨ ᠬᠡᠷᠡᠭᠴᠡᠭᠡ ᠶᠣᠰᠣᠭ᠋ᠠᠷ ᠭᠡᠷ᠎ᠲᠤᠨᠢ ᠬᠦᠷᠴᠦ ᠣᠨᠣᠰᠢᠯᠠᠨ ᠡᠮᠨᠡᠵᠦ᠂ ᠰᠠᠨᠠᠭ᠋ᠠᠴᠢᠯᠭ᠋ᠠᠲᠤ ᠪᠣᠰᠤ ᠦᠢ᠍ᠯᠡᠴᠢᠯᠡᠭᠡ ᠵᠢ ᠰᠠᠨᠠᠭ᠋ᠠᠴᠢᠯᠠᠭ᠋ᠠᠲᠤ ᠦᠢ᠍ᠯᠡᠴᠢᠯᠡᠭᠡ ᠪᠣᠯᠭ᠋ᠠᠵᠤ᠂ ᠰᠠᠭᠤᠭ᠋ᠠᠯᠢ ᠠᠷᠠᠳ᠎ᠤᠨ ᠡᠷᠡᠭᠦᠯ ᠮᠡᠨᠳᠤ ᠵᠢᠨ 《ᠬᠠᠭ᠋ᠠᠯᠭ᠎ᠠ ᠰᠠᠬᠢᠭᠴᠢ》 ᠵᠢᠨ ᠡᠭᠦᠷᠭᠡ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠪᠡ᠃ ᠣᠳᠣ ᠪᠣᠯᠬᠤ᠎ᠳᠤ᠂ ᠪᠦᠬᠦ ᠬᠣᠲᠠ 12.33 ᠲᠥᠮᠡᠨ ᠡᠷᠦᠬᠡ᠂ 30.34 ᠲᠥᠮᠡᠨ ᠬᠥᠮᠦᠨ᠎ᠲᠠᠢ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠨᠤᠷᠮ᠎ᠠ᠎ᠨᠢ 35.8%᠎ᠳᠤ ᠬᠦᠷᠴᠦ᠂ ᠡᠮᠴᠢ ᠨᠠᠷ ᠭᠡᠷ᠎ᠲᠤᠨᠢ ᠬᠦᠷᠴᠦ ᠦᠢ᠍ᠯᠡᠴᠢᠯᠡᠬᠦ᠎ᠨᠢ ᠬᠡᠪ᠎ᠤᠨ ᠪᠠᠢ᠌ᠳᠠᠯ ᠪᠣᠯᠪᠠ᠃ ᠲᠦᠷᠪᠡ᠎ᠳᠤ ᠤᠷᠢᠳᠠᠪᠠᠷ ᠡᠪᠡᠳᠴᠢᠨ᠎ᠢ᠎ᠨᠢ ᠦᠵᠡᠵᠦ ᠳᠠᠷᠠᠭ᠎ᠠ᠎ᠨᠢ ᠰᠦᠢ᠍ᠳᠬᠡᠯ ᠲᠤᠰᠢᠶᠠᠬᠤ ᠵᠢ ᠲᠦᠷᠦᠭᠦᠯᠦᠨ ᠥᠷᠨᠢᠭᠦᠯᠪᠡ᠃ ᠡᠮ ᠡᠮᠨᠡᠯᠭᠡ ᠵᠢᠨ ᠦᠢ᠍ᠯᠡᠴᠢᠯᠡᠭᠡᠨ᠎ᠤ ᠵᠠᠭᠪᠤᠷᠰᠢᠯ᠎ᠢ ᠢᠳᠡᠪᠬᠢᠲᠡᠶ᠎ᠪᠠᠷ ᠰᠠᠢ᠌ᠵᠢᠷᠠᠭᠤᠯᠵᠤ᠂ ᠡᠮ ᠡᠮᠨᠡᠯᠭᠡ ᠵᠢᠨ ᠳᠠᠭ᠋ᠠᠳᠬᠠᠯ᠎ᠲᠠᠢ ᠡᠪᠡᠳᠴᠢᠲᠡᠨ ᠬᠣᠰᠢᠭᠤ ᠲᠣᠭᠣᠷᠢᠭ᠎ᠤᠨ ᠱᠠᠲᠤ ᠵᠢᠴᠢ ᠲᠡᠭᠦᠨ᠎ᠠᠴᠠ ᠳᠣᠷᠣᠭᠰᠢᠬᠢ ᠡᠮ ᠡᠮᠨᠡᠯᠭᠡ ᠵᠢᠨ ᠳᠠᠭ᠋ᠠᠳᠬᠠᠯ᠎ᠤᠨ ᠲᠣᠭᠲᠠᠭᠰᠠᠨ ᠴᠢᠬ᠎ᠤᠨ ᠡᠮᠴᠢᠯᠡᠭᠡᠨ᠎ᠤ ᠪᠠᠶ᠋ᠢᠭᠤᠯᠤᠮᠵᠢ᠎ᠳᠤ ᠡᠪᠡᠳᠴᠢᠨ ᠦᠵᠡᠭᠦᠯᠬᠦ᠎ᠳᠤ ᠡᠮᠨᠡᠯᠭᠡ᠎ᠳᠤ ᠰᠠᠭᠤᠬᠤ ᠳᠡᠨᠵᠢ ᠵᠢᠨ ᠮᠥᠨᠭᠭᠥ ᠲᠤᠰᠢᠶᠠᠬᠤ ᠦᠭᠡᠢ᠎ᠪᠠᠷ ᠰᠢᠭᠤᠳ ᠡᠮᠨᠡᠯᠭᠡ᠎ᠳᠤ ᠰᠠᠭᠤᠵᠤ ᠡᠮᠴᠢᠯᠡᠭᠦᠯᠦᠭᠡᠳ᠂ ᠡᠮᠨᠡᠯᠭᠡ᠎ᠠᠴᠠ ᠭᠠᠷᠤᠭᠰᠠᠨ᠎ᠤ ᠳᠠᠷᠠᠭ᠎ᠠ ᠳ᠋ᠦᠨᠭᠨᠡᠨ ᠪᠣᠳᠣᠬᠣ ᠪᠣᠯᠵᠤ᠂ ᠡᠮᠨᠡᠯᠭᠡ᠎ᠳᠤ ᠰᠠᠭᠤᠬᠤ ᠡᠪᠡᠳᠴᠢᠲᠡᠨ᠎ᠤ ᠪᠡᠯᠡ ᠮᠥᠩᠭᠥ ᠴᠤᠭᠯᠠᠭᠤᠯᠬᠤ᠎ᠳᠤ ᠬᠦᠴᠢᠷᠲᠡᠶ ᠪᠠᠶ᠋ᠢᠬᠤ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠵᠡᠢ᠃ ᠣᠳᠣ ᠪᠣᠯᠬᠤ᠎ᠳᠤ᠂ ᠨᠡᠶ᠋ᠢᠲᠡ 18.54 ᠲᠥᠮᠡᠨ ᠬᠥᠮᠦᠨ ᠤᠳᠠᠭ᠎ᠠ ᠠᠰᠢᠭ ᠬᠦᠷᠲᠡᠪᠡ᠃ ᠲᠠᠪᠤ᠎ᠳᠤ ᠭᠠᠴᠠᠭ᠎ᠠ ᠲᠣᠰᠬᠣᠨ᠎ᠤ ᠡᠮᠴᠢ ᠵᠢᠨ ᠨᠠᠰᠤᠵᠢᠯ᠎ᠤᠨ ᠠᠰᠠᠷᠠᠮᠵᠢ ᠵᠢᠨ ᠢᠨᠵᠧᠨᠧᠷᠢᠩ᠎ᠢ ᠲᠦᠷᠦᠭᠦᠯᠦᠨ ᠥᠷᠨᠢᠭᠦᠯᠪᠡ᠃ ᠭᠠᠴᠠᠭ᠎ᠠ ᠲᠣᠰᠬᠣᠨ᠎ᠤ ᠡᠮᠴᠢ ᠵᠢᠨ ᠡᠨᠭᠨᠡᠭᠡ ᠵᠢ ᠲᠣᠭᠲᠠᠭᠤᠨ ᠪᠠᠢ᠌ᠯᠭ᠋ᠠᠵᠤ᠂ ᠬᠥᠳᠡᠭᠡ ᠲᠣᠰᠬᠣᠨ᠎ᠤ ᠡᠮᠴᠢ ᠵᠢᠨ ᠢᠳᠡᠪᠬᠢᠵᠢᠯ᠎ᠢ ᠳᠠᠢ᠌ᠴᠢᠯᠠᠬᠤ ᠵᠢᠨ ᠲᠤᠰᠠᠲᠠ᠂ 2013 ᠣᠨ᠎ᠳᠤ ᠬᠥᠳᠡᠭᠡ ᠲᠣᠰᠬᠣᠨ᠎ᠤ ᠡᠮᠴᠢ ᠵᠢᠨ ᠨᠠᠰᠤᠵᠢᠯ᠎ᠤᠨ ᠠᠰᠠᠷᠠᠮᠵᠢ ᠵᠢᠨ ᠨᠥᠬᠥᠪᠥᠷᠢ ᠵᠢ ᠪᠥᠬᠦ ᠣᠷᠣᠨ᠎ᠳᠤ ᠲᠦᠷᠦᠭᠦᠯᠦᠨ ᠬᠡᠷᠡᠭᠵᠢᠭᠦᠯᠵᠦ᠂ 1600 ᠭᠠᠷᠤᠶ ᠬᠥᠳᠡᠭᠡ ᠲᠣᠰᠬᠣᠨ᠎ᠤ ᠡᠮᠴᠢ᠎ᠳᠤ ᠬᠥᠮᠦᠨ ᠪᠣᠯᠭ᠋ᠠᠨ ᠰᠠᠷ᠎ᠠ ᠪᠦᠷᠢ 1200 ᠲᠥᠭᠥᠷᠢᠭ᠎ᠤᠨ ᠠᠵᠢᠯ᠎ᠠᠴᠠ᠎ᠪᠠᠨ ᠪᠠᠭᠤᠭᠰᠠᠨ ᠮᠥᠩᠭᠥ ᠥᠭᠴᠦ᠂ ᠭᠠᠴᠠᠭ᠎ᠠ ᠲᠣᠰᠬᠣᠨ᠎ᠤ ᠡᠮᠴᠢ ᠵᠢᠨ ᠬᠣᠵᠢᠮ᠎ᠤᠨ ᠵᠤᠪᠠᠯᠠᠨᠭ᠌᠎ᠢ᠎ᠨᠢ ᠰᠢᠢ᠍ᠳᠪᠦᠷᠢᠯᠡᠪᠡ᠃ ᠵᠢᠷᠭᠤᠭ᠎ᠠ᠎ᠳᠤ ᠡᠷᠡᠭᠦᠯ ᠬᠠᠮᠠᠭ᠋ᠠᠯᠠᠯ᠎ᠤᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠲᠦᠷᠦᠭᠦᠯᠦᠨ ᠥᠷᠨᠢᠭᠦᠯᠪᠡ᠃ 2011 ᠣᠨ᠎ᠠᠴᠠ ᠡᠬᠢᠯᠡᠨ ᠬᠣᠲᠠ ᠵᠢᠨ ᠱᠠᠲᠤᠨ᠎ᠤ ᠣᠷᠣᠨ ᠪᠦᠰᠡ ᠵᠢᠨ ᠡᠷᠡᠭᠦᠯ ᠬᠠᠮᠠᠭ᠋ᠠᠯᠠᠯ᠎ᠤᠨ ᠮᠡᠳᠡᠭᠡ ᠵᠠᠩᠭᠢ ᠵᠢᠨ ᠲᠠᠪᠴᠠᠩ᠎ᠢ ᠪᠠᠶ᠋ᠢᠭᠤᠯᠵᠤ᠂ ᠲᠠᠪᠴᠠᠩ᠎ᠳᠤ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠂ ᠡᠮ ᠡᠮᠨᠡᠯᠭᠡ ᠵᠢᠨ ᠦᠢ᠍ᠯᠡᠴᠢᠯᠡᠭᠡ᠂ ᠬᠥᠳᠡᠭᠡ ᠲᠣᠰᠬᠤᠨ᠎ᠤ ᠰᠢᠨ᠎ᠡ ᠮᠠᠶᠢᠭ᠎ᠤᠨ ᠬᠤᠷᠰᠢᠭᠰᠠᠨ ᠡᠮᠨᠡᠯᠭᠡ᠂ ᠦᠨᠳᠦᠰᠦᠨ ᠡᠮ᠎ᠤᠨ ᠵᠦᠢ᠍ᠯ᠎ᠤᠨ ᠲᠥᠷᠢᠮ ᠪᠣᠯᠤᠨ ᠶᠡᠷᠦᠩᠬᠡᠶ᠋ᠢᠯᠡᠭᠰᠡᠨ ᠬᠠᠮᠢᠶᠠᠷᠤᠯᠲᠠ ᠵᠡᠷᠭᠡ ᠲᠠᠪᠤᠨ ᠲᠤᠬᠠᠶ᠋ᠢᠯᠠᠭᠰᠠᠨ ᠠᠵᠢᠯ᠎ᠤᠨ ᠬᠡᠷᠡᠭᠯᠡᠭᠡᠨ᠎ᠤ ᠰᠢᠰᠲ᠋ᠧᠮ᠎ᠢ ᠬᠠᠮᠤᠷᠪᠠ᠃ ᠣᠳᠣᠬᠠᠨ᠎ᠳᠤ᠂ ᠬᠤᠳᠠ ᠵᠢᠨ ᠱᠠᠲᠤᠨ᠎ᠤ ᠡᠷᠡᠭᠦᠯ ᠬᠠᠮᠠᠭ᠋ᠠᠯᠠᠯ᠎ᠤᠨ ᠮᠡᠳᠡᠭᠡ ᠵᠠᠩᠭᠢ ᠵᠢᠨ ᠲᠠᠪᠴᠠᠩ ᠨᠢᠭᠡᠨᠲᠡ ᠦᠨᠳᠦᠰᠦᠨ᠎ᠳᠡᠭᠡᠨ ᠪᠠᠢ᠌ᠭᠤᠯᠤᠨ ᠳᠠᠭᠤᠰᠴᠦ᠂ ᠪᠦᠬᠦ ᠬᠣᠲᠠ ᠵᠢᠨ ᠡᠷᠡᠭᠦᠯ ᠬᠠᠮᠠᠭ᠋ᠠᠯᠠᠯ᠎ᠤᠨ ᠮᠡᠳᠡᠭᠡ ᠵᠠᠩᠭᠢ ᠵᠢᠨ ᠬᠠᠷᠢᠯᠴᠠᠨ ᠬᠣᠯᠪᠣᠭ᠋ᠠᠯᠠᠨ ᠨᠡᠪᠲᠡᠷᠡᠯᠴᠡᠬᠦ ᠵᠢ ᠠᠨᠭ᠌ᠬ᠎ᠠ ᠠᠯᠬᠤᠮ ᠪᠡᠶᠡᠯᠡᠭᠦᠯᠪᠡ᠃ ᠠᠵᠤ ᠦᠢ᠍ᠯᠡᠳᠪᠦᠷᠢ ᠬᠤᠳᠠᠯᠳᠤᠭ᠋ᠠᠨ᠎ᠤ ᠪᠠᠩᠬᠢ᠎ᠲᠠᠢ ᠬᠠᠮᠲᠤᠷᠠᠨ ᠰᠠᠭᠤᠭ᠋ᠠᠯᠢ ᠠᠷᠠᠳ᠎ᠤᠨ ᠡᠷᠡᠭᠦᠯ ᠮᠡᠨᠳᠦ ᠵᠢᠨ ᠺᠠᠷᠲ ᠵᠢ ᠲᠠᠷᠬᠠᠭ᠋ᠠᠵᠤ᠂ ᠡᠷᠡᠭᠦᠯ ᠮᠡᠨᠳᠦ ᠵᠢᠨ ᠪᠦᠬᠦᠨ᠎ᠳᠤ ᠲᠤᠬᠢᠷᠠᠬᠤ ᠺᠠᠷᠲ ᠵᠢ ᠪᠡᠶᠡᠯᠡᠭᠦᠯᠵᠦ᠂ ᠠᠷᠠᠳ ᠢᠷᠭᠡᠳ᠎ᠤᠨ ᠡᠪᠡᠳᠴᠢᠨ ᠵᠶ᠋ᠠᠨ ᠦᠵᠡᠭᠦᠯᠵᠦ ᠡᠮᠴᠢᠯᠡᠭᠦᠯᠬᠦ᠎ᠳᠤ ᠮᠠᠰᠢ ᠲᠦᠭᠦᠮ ᠦᠵᠡᠭᠦᠯᠪᠡ᠃
      ᠬᠥᠲᠥᠯᠥᠭᠴᠢ᠄
     2014 ᠣᠨ᠎ᠳᠤ ᠤᠯᠤᠰ᠎ᠠᠴᠠ ᠣᠷᠳᠣᠰ ᠬᠣᠲᠠ ᠵᠢ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠥᠭᠡᠷᠡᠴᠢᠯᠡᠯᠲᠡ ᠵᠢᠨ ᠲᠤᠷᠰᠢᠯᠲᠠ ᠵᠢᠨ ᠬᠤᠳᠠ ᠪᠣᠯᠭ᠋ᠠᠨ ᠲᠣᠭᠲᠠᠭ᠋ᠠᠭᠰᠠᠨ᠎ᠤ ᠲᠠᠷᠠᠭ᠎ᠠ᠂ ᠤᠷᠳᠤᠰ ᠬᠤᠳᠠ ᠪᠠᠰᠠ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠤᠢ?
      ᠡᠾᠸ ᠲᠣᠣ᠄
      ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠥᠭᠡᠷᠡᠴᠢᠯᠡᠯᠲᠡ ᠵᠢᠨ ᠠᠵᠢᠯ᠎ᠢ ᠬᠤᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ 《ᠣᠷᠳᠣᠰ ᠬᠣᠲᠠ ᠵᠢᠨ ᠬᠣᠲᠠ ᠵᠢᠨ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠦᠯ》᠎ᠢ ᠲᠣᠭᠲᠠᠭ᠋ᠠᠨ ᠨᠡᠶ᠋ᠢᠲᠡᠯᠡᠵᠦ᠂ ᠪᠦᠬᠦ ᠬᠣᠲᠠ ᠵᠢᠨ ᠲ᠋ᠠᠶ᠋ᠢᠴᠢᠯᠠᠯᠲᠠ ᠵᠢᠨ ᠶᠡᠬᠡ ᠬᠤᠷᠠᠯ᠎ᠢ ᠬᠤᠷᠠᠯᠳᠤᠭᠤᠯᠵᠤ᠂ 9 ᠬᠣᠰᠢᠭᠤ ᠲᠣᠭᠣᠷᠢᠭ᠂ 9 ᠰᠠᠯᠠᠭ᠎ᠠ ᠮᠥᠴᠢᠷ (ᠲᠤᠰᠬᠠᠶ ᠳᠦᠯᠬᠢᠨ ᠠᠬᠢᠭᠤᠯᠬᠤ ᠳᠤᠭᠤᠶ᠋ᠢᠯᠠᠩ)᠎ᠲᠠᠢ ᠬᠠᠷᠠᠯᠲᠠᠲᠤ ᠬᠠᠷᠢᠭᠤᠴᠠᠯᠭ᠎ᠠ ᠵᠢᠨ ᠪᠢᠴᠢᠭ᠎ᠢ ᠲᠣᠭᠲᠠᠪᠠ᠃ ᠡᠭᠦᠨ᠎ᠤ ᠬᠠᠮᠲᠤ 《ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ   ᠶᠡᠷᠦᠨᠭᠬᠡᠢ ᠨᠢᠭᠲᠠᠯᠠᠨ ᠪᠤᠳᠦᠬ᠍ᠴᠢ ᠵᠢ ᠲᠣᠮᠢᠯᠠᠬᠤ ᠲᠤᠢ᠍ᠷᠢᠮ》 ᠵᠡᠷᠭᠡ 28 ᠳᠥᠭᠦᠷ ᠪᠢᠴᠢᠭ ᠮᠠᠲᠸᠷᠢᠶᠠᠯ᠎ᠢ ᠤᠷᠢᠳ ᠬᠣᠵᠢᠳ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠲᠥᠯᠥᠪᠵᠢᠭᠦᠯᠭᠡ ᠵᠢᠨ ᠪᠠᠢ᠌ᠷᠢᠯᠠᠭᠤᠯᠤᠯᠲᠠ᠂ ᠬᠠᠮᠢᠶᠠᠷᠤᠯᠲᠠ ᠵᠢᠨ ᠪᠠᠶ᠋ᠢᠭᠤᠯᠤᠯ᠂ ᠡᠮ᠎ᠤᠨ ᠣᠷᠣᠯᠭ᠎ᠠ᠎ᠪᠠᠷ ᠡᠮᠨᠡᠯᠭᠡ ᠵᠢ ᠨᠥᠬᠥᠪᠥᠷᠢᠯᠡᠬᠦ ᠶᠠᠪᠤᠳᠠᠯ᠎ᠢ ᠠᠷᠢᠯᠭ᠋ᠠᠬᠤ᠂ ᠡᠮ ᠡᠮᠨᠡᠯᠭᠡ ᠵᠢᠨ ᠳᠠᠭ᠋ᠠᠳᠬᠠᠯ᠎ᠤᠨ ᠵᠠᠷᠤᠳᠠᠯ ᠳᠥᠯᠥᠬᠦ ᠳᠦᠷᠢᠮ᠎ᠤᠨ ᠥᠭᠡᠷᠡᠴᠢᠯᠡᠯᠲᠡ᠂ ᠤᠯᠠᠨ ᠡᠰᠢᠵᠢᠭᠰᠡᠨ ᠡᠮᠨᠡᠯᠭᠡ ᠡᠷᠬᠢᠯᠡᠬᠦ ᠵᠢ ᠠᠬᠢᠭᠤᠯᠬᠤ᠂ ᠮᠣᠩᠭᠣᠯ ᠬᠢᠲᠠᠳ ᠡᠮ ᠡᠮᠨᠡᠯᠭᠡ ᠵᠢᠨ ᠦᠢ᠍ᠯᠡᠰ᠎ᠤᠨ ᠬᠥᠭᠵᠢᠯᠲᠡ ᠵᠢ ᠵᠣᠷᠢᠭᠵᠢᠭᠤᠯᠬᠤ ᠵᠢ ᠲᠣᠬᠢᠷᠠᠭᠤᠯᠬᠤ ᠵᠡᠷᠭᠡ ᠲᠠᠯ᠎ᠠ᠎ᠪᠠᠷ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶᠠᠨ᠎ᠤ ᠥᠭᠡᠷᠡᠴᠢᠯᠡᠯᠲᠡ ᠵᠢ ᠢᠳᠡᠪᠬᠢᠲᠡᠶ ᠲᠦᠯᠬᠢᠨ ᠠᠬᠢᠭᠤᠯᠪᠠ᠃
      ᠡᠨᠡ ᠵᠢᠯ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠥᠭᠡᠷᠡᠴᠢᠯᠡᠯᠲᠡ ᠵᠢᠨ ᠠᠯᠪᠠᠨ ᠭᠡᠷ᠎ᠠᠴᠠ ᠪᠦᠬᠦ ᠣᠷᠣᠨ᠎ᠤ ᠰᠢᠶᠠᠨ᠎ᠤ ᠱᠠᠲᠤᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠥᠭᠡᠷᠡᠴᠢᠯᠡᠯᠲᠡ᠎ᠳᠤ ᠲᠤᠰᠬᠠᠶ ᠦᠨᠡᠯᠡᠨ ᠵᠢᠱ᠌ᠢᠯᠲᠡ ᠬᠢᠭᠰᠡᠨ ᠪᠦᠭᠡᠳ ᠮᠡᠳᠡᠭᠡᠯᠡᠪᠡ᠃ ᠪᠦᠬᠦ ᠣᠷᠣᠨ᠎ᠤ 15 ᠤᠯᠤᠰ᠎ᠤᠨ ᠲᠡᠰ᠎ᠤᠨ ᠲᠤᠷᠰᠢᠯᠲᠠ ᠵᠢᠨ ᠬᠣᠰᠢᠭᠤ ᠰᠢᠶᠠᠨ ᠳᠣᠲᠤᠷ᠎ᠠ ᠶᠡᠷᠦᠩᠬᠡᠢ ᠬᠤᠪᠢ᠎ᠨᠢ 190 ᠬᠤᠪᠢ᠎ᠠᠴᠠ ᠳᠡᠭᠡᠭᠰᠢ ᠬᠣᠰᠢᠭᠤ ᠰᠢᠶᠠᠨ 4 ᠪᠠᠢ᠌ᠵᠤ᠂ ᠡᠭᠦᠨ᠎ᠤ ᠳᠣᠲᠣᠷ᠎ᠠ ᠮᠠᠨ᠎ᠤ ᠬᠣᠲᠠ 3 ᠵᠢ᠎ᠨᠢ ᠡᠵᠡᠯᠡᠵᠦ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ᠎ᠤ 25 ᠲᠤᠷᠰᠢᠯᠲᠠ ᠵᠢᠨ ᠬᠣᠰᠢᠭᠤ ᠰᠢᠶᠠᠨ᠎ᠤ ᠳᠣᠲᠣᠷ᠎ᠠ᠂ ᠶᠡᠷᠦᠩᠬᠡᠢ ᠬᠤᠪᠢ ᠣᠯᠤᠭᠰᠠᠨ᠎ᠨᠢ 180 ᠬᠤᠪᠢ᠎ᠠᠴᠠ ᠳᠡᠭᠡᠭᠰᠢ ᠬᠣᠰᠢᠭᠤ ᠰᠢᠶᠠᠨ 6 ᠪᠠᠢ᠌ᠵᠤ᠂ ᠡᠭᠦᠨ᠎ᠤ ᠳᠣᠲᠣᠷ᠎ᠠ ᠮᠠᠨ᠎ᠤ ᠬᠣᠲᠠ 3 ᠵᠢ᠎ᠨᠢ ᠡᠵᠡᠯᠡᠵᠦ ᠪᠠᠶ᠋ᠢᠨ᠎ᠠ᠃ ᠡᠨᠡ᠎ᠨᠢ ᠮᠠᠨ᠎ᠤ ᠬᠣᠲᠠ ᠵᠢᠨ ᠬᠣᠰᠢᠭᠤ ᠰᠢᠶᠠᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠠᠵᠢᠯ ᠱᠠᠳᠤ ᠦᠶ᠎ᠡ ᠵᠢᠨ ᠴᠢᠨᠠᠷᠲᠠᠶ ᠦᠷ᠎ᠡ ᠪᠦᠲᠦᠮᠵᠢ ᠣᠯᠤᠭᠰᠠᠨ᠎ᠢ ᠬᠠᠷᠠᠭᠤᠯᠵᠤ ᠪᠠᠶ᠋ᠢᠨ᠎ᠠ᠃
      ᠬᠥᠲᠥᠯᠥᠭᠴᠢ᠄  
      ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠲᠦᠯᠦᠪᠵᠢᠭᠦᠯᠭᠡ ᠵᠢᠨ ᠪᠠᠢ᠌ᠷᠢᠯᠠᠭᠤᠯᠤᠯᠲᠠ ᠵᠢ ᠬᠡᠷᠬᠢᠨ ᠵᠦᠢ ᠵᠣᠬᠢᠰᠲᠠᠶ ᠲᠣᠬᠢᠷᠠᠭᠤᠯᠬᠤ ᠪᠣᠢ?
      ᠡᠾᠸ ᠲᠣᠣ᠄
      ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ᠂ ᠪᠦᠲᠦᠴᠡ ᠵᠢ ᠲᠣᠬᠢᠷᠠᠭᠤᠯᠬᠤ᠂ ᠬᠡᠪᠴᠢᠶ᠎ᠡ ᠵᠢ ᠲᠣᠬᠢᠷᠠᠮᠵᠢᠲᠠᠶ ᠪᠠᠢ᠌ᠯᠭ᠋ᠠᠬᠤ ᠵᠠᠷᠴᠢᠮ ᠶᠣᠰᠣᠭ᠋ᠠᠷ᠂ ᠵᠠᠰᠠᠭ ᠵᠠᠬᠢᠷᠭ᠋ᠠᠨ᠎ᠤ ᠣᠷᠣᠨ᠎ᠤ ᠬᠢᠵᠠᠭ᠋ᠠᠷᠯᠠᠯ᠎ᠢ ᠡᠪᠳᠡᠵᠦ᠂ ᠨᠡᠭᠦᠯᠭᠡᠨ ᠪᠠᠶ᠋ᠢᠭᠤᠯᠬᠤ᠂ ᠡᠮᠬᠢᠯᠡᠨ ᠨᠡᠢ᠌ᠯᠡᠭᠦᠯᠬᠦ᠂ ᠨᠠᠶ᠋ᠢᠳᠠᠨ ᠬᠠᠮᠢᠶᠠᠷᠤᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠴᠢᠳᠠᠮᠵᠢ᠎ᠨᠢ ᠠᠳᠠᠯᠢᠬᠠᠨ ᠪᠣᠶᠤ ᠣᠶ᠋ᠢᠷᠠᠯᠴᠠᠭ᠎ᠠ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶ᠎ᠠ ᠵᠢ ᠨᠡᠢ᠌ᠯᠡᠭᠦᠯᠦᠨ᠎ᠡ᠃ ᠬᠣᠲᠠ ᠵᠢᠨ ᠲᠥᠪ ᠡᠮᠨᠡᠯᠭᠡ ᠵᠢᠨ ᠬᠣᠷᠢᠶ᠎ᠠ ᠬᠢᠭᠡᠳ ᠠᠷᠠᠳ᠎ᠤᠨ ᠡᠮᠨᠡᠯᠭᠡ ᠵᠢᠨ ᠬᠣᠷᠢᠶ᠎ᠠ ᠵᠢ ᠡᠮᠬᠢᠯᠡᠨ ᠨᠡᠶ᠋ᠢᠯᠡᠭᠦᠯᠵᠦ᠂ ᠨᠢᠭᠡ ᠡᠮᠨᠡᠯᠭᠡ ᠵᠢᠨ ᠬᠣᠷᠢᠶ᠎ᠠ ᠬᠣᠶᠠᠷ ᠳᠦᠷᠢᠮ᠎ᠢ ᠬᠡᠷᠡᠭᠵᠢᠭᠦᠯᠵᠦ᠂ ᠬᠣᠶᠠᠷ ᠬᠡᠰᠡᠭ᠎ᠢ ᠬᠠᠷᠢᠴᠠᠩᠭᠤᠶ᠎ᠪᠠᠷ ᠪᠡᠶ᠎ᠡ ᠵᠢ᠎ᠨᠢ ᠳᠠᠭ᠋ᠠᠭ᠋ᠠᠯᠭ᠋ᠠᠵᠤ᠂ ᠭᠣᠣᠯᠳᠠᠭᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠲᠡᠷᠢᠭᠦᠨ᠎ᠤ ᠡᠮᠨᠡᠯᠭᠡ ᠵᠢᠨ ᠪᠠᠶ᠋ᠢᠭᠤᠯᠤᠮᠵᠢ ᠪᠠ ᠪᠦᠯᠬᠦᠮ᠎ᠲᠠᠢ ᠬᠠᠮᠲᠤᠷᠠᠨ ᠡᠳᠦᠢ ᠲᠡᠳᠦᠢ ᠣᠷᠣᠨ ᠬᠤᠪᠢᠶᠠᠷᠢ ᠵᠢᠨ ᠡᠮᠨᠡᠨ ᠵᠠᠰᠠᠬᠤ ᠲᠥᠪ᠎ᠢ ᠪᠦᠲᠦᠭᠡᠨ ᠪᠠᠢ᠌ᠭᠤᠯᠤᠨ᠎ᠠ; ᠬᠣᠲᠠ ᠵᠢᠨ ᠬᠢᠲᠠᠳ ᠡᠮᠨᠡᠯᠭᠡ ᠵᠢᠨ ᠬᠣᠷᠢᠶ᠎ᠠ ᠵᠢ ᠬᠢᠶᠠ ᠪᠠᠭᠰᠢ ᠡᠮᠨᠡᠯᠭᠡ ᠵᠢᠨ ᠬᠣᠷᠢᠶ᠎ᠠ᠎ᠲᠠᠢ ᠨᠡᠶ᠋ᠢᠯᠡᠭᠦᠯᠦᠨ᠎ᠡ; ᠬᠣᠲᠠ ᠭᠤᠷᠪᠠᠳᠤᠭ᠋ᠠᠷ ᠠᠷᠠᠳ᠎ᠤᠨ ᠡᠮᠨᠡᠯᠭᠡ ᠵᠢᠨ ᠬᠣᠷᠢᠶ᠎ᠠ ᠵᠢ ᠤᠯᠤᠰ᠎ᠤᠨ ᠳᠣᠲᠣᠭ᠋ᠠᠳᠤ ᠵᠢᠨ ᠭᠣᠣᠯᠳᠠᠯᠭ᠋ᠠᠲᠤ ᠠᠷᠠᠳ᠎ᠠᠴᠠ ᠡᠵᠡᠩᠨᠡᠭᠰᠡᠨ ᠡᠮᠴᠢᠯᠡᠭᠡᠨ᠎ᠤ ᠪᠦᠯᠦᠭᠯᠡᠯ — ᠲᠦᠭᠡᠮᠡᠯ ᠬᠠᠶ᠋ᠢᠷ᠎ᠠ ᠡᠮᠴᠢᠯᠡᠭᠡᠨ᠎ᠤ ᠪᠦᠯᠦᠭᠯᠡᠯ᠎ᠳᠤ ᠨᠠᠶ᠋ᠢᠳᠠᠨ ᠡᠵᠡᠩᠨᠡᠭᠦᠯᠦᠨ᠎ᠡ᠃
      ᠬᠥᠲᠥᠯᠥᠭᠴᠢ᠄  
      ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠲᠠᠯ᠎ᠠ᠎ᠪᠠᠷ ᠶᠠᠭ᠋ᠠᠬᠢᠵᠤ ᠦᠭᠡᠷᠡᠴᠢᠯᠡᠭᠰᠡᠨ ᠪᠤᠢ?
      ᠡᠾᠸ ᠲᠣᠣ᠄
      ᠨᠢᠭᠡ᠎ᠳᠤ ᠤᠳᠤ ᠦᠶ᠎ᠡ ᠵᠢᠨ ᠡᠮᠨᠡᠯᠭᠡ ᠵᠢᠨ ᠬᠤᠷᠢᠶᠠᠨ᠎ᠤ ᠬᠠᠮᠢᠶᠠᠷᠤᠯᠲᠠ ᠵᠢᠨ ᠲᠥᠷᠢᠮ᠎ᠢ ᠠᠯᠬᠤᠮ ᠠᠯᠬᠤᠮ ᠵᠶ᠋ᠠᠷ ᠪᠠᠢ᠌ᠭᠤᠯᠪᠠ᠃ ᠬᠣᠲᠠ ᠵᠢᠨ ᠳᠠᠷᠤᠭ᠎ᠠ᠎ᠪᠠᠷ ᠡᠷᠬᠢᠯᠡᠭᠴᠢ ᠪᠣᠯᠭ᠋ᠠᠭᠰᠠᠨ᠂ ᠬᠤᠳᠠ ᠵᠢᠨ ᠪᠠᠶ᠋ᠢᠩᠭᠤ ᠵᠢᠨ ᠳᠡᠳ᠋ ᠳᠠᠷᠤᠭ᠎ᠠ ᠪᠠ ᠬᠤᠪᠢᠶᠠᠨ ᠬᠠᠮᠢᠶᠠᠷᠬᠤ ᠬᠣᠲᠠ ᠵᠢᠨ ᠳᠡᠳ᠋ ᠳᠠᠷᠤᠭ᠎ᠠ᠎ᠪᠠᠷ ᠳᠡᠳ᠋ ᠡᠷᠬᠢᠯᠡᠭᠴᠢ ᠪᠣᠯᠭ᠋ᠠᠭᠰᠠᠨ᠂ ᠡᠷᠡᠭᠦᠯ ᠬᠠᠮᠠᠭ᠋ᠠᠯᠠᠯ ᠪᠣᠯᠤᠨ ᠲᠥᠯᠥᠪᠯᠡᠭᠡᠲᠦ ᠦᠷᠡᠵᠢᠯ᠂ ᠣᠷᠤᠨ ᠲᠣᠭ᠎ᠠ᠂ ᠥᠭᠡᠷᠡᠴᠢᠯᠡᠯᠲᠡ ᠬᠦᠭᠵᠢᠭᠦᠯᠣᠯᠲᠠ᠂ ᠡᠳ᠋᠎ᠤᠨ ᠵᠠᠰᠠᠭ᠂ ᠬᠥᠮᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ ᠵᠶ᠋ᠠᠷ ᠪᠦᠷᠢᠯᠳᠦᠬᠦᠨ ᠪᠣᠯᠭ᠋ᠠᠭᠰᠠᠨ ᠬᠤᠳᠠ ᠵᠢᠨ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠬᠠᠮᠢᠶᠠᠷᠤᠯᠲᠠ ᠵᠢᠨ ᠺᠣᠮᠢᠰ᠎ᠢ ᠪᠠᠢ᠌ᠭᠤᠯᠵᠤ᠂ ᠵᠠᠰᠠᠭ᠎ᠤᠨ ᠣᠷᠳᠣᠨ᠎ᠤ ᠡᠮᠨᠡᠯᠭᠡ ᠡᠷᠬᠢᠯᠡᠬᠥ ᠡᠭᠦᠷᠭᠡ ᠬᠠᠷᠢᠭᠤᠴᠠᠯᠭ᠎ᠠ ᠵᠢ ᠭᠦᠢ᠍ᠴᠡᠳᠭᠡᠯᠭᠡᠵᠦ᠂ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠡᠳ᠋ ᠬᠦᠷᠦᠡᠭᠭᠡ ᠵᠢᠨ ᠬᠠᠮᠢᠶᠠᠷᠤᠯᠲᠠ᠂ ᠡᠳ᠋᠎ᠤᠨ ᠶᠠᠪᠤᠳᠠᠯ᠎ᠤᠨ ᠬᠢᠨᠠᠯᠲᠠ ᠬᠠᠮᠢᠶᠠᠷᠤᠯᠲᠠ᠂ ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ ᠪᠠ ᠡᠮᠨᠡᠯᠭᠡ ᠵᠢᠨ ᠬᠤᠷᠢᠶᠠᠨ᠎ᠤ ᠭᠣᠣᠯ ᠬᠠᠷᠢᠭᠤᠴᠠᠯᠭ᠋ᠠᠲᠠᠨ᠎ᠢ ᠲᠣᠮᠢᠯᠠᠨ ᠬᠡᠷᠡᠭᠯᠡᠬᠦ ᠵᠢ ᠬᠠᠷᠢᠭᠤᠴᠠᠭᠤᠯᠪᠠ᠃ ᠨᠢᠭᠲᠠᠯᠠᠨ ᠪᠤᠳᠤᠭᠴᠢ ᠵᠢ ᠲᠣᠮᠢᠯᠠᠬᠤ ᠲᠤᠢ᠍ᠷᠢᠮ᠎ᠢ ᠬᠡᠷᠡᠭᠵᠢᠭᠦᠯᠵᠦ᠂ ᠡᠮᠨᠡᠯᠭᠡ ᠵᠢᠨ ᠬᠤᠷᠢᠶᠠᠨ᠎ᠤ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢ ᠴᠢᠩᠭ᠋ᠠᠳᠬᠠᠭᠰᠠᠨ ᠪᠠᠶ᠋ᠢᠨ᠎ᠠ᠃ ᠪᠦᠬᠦ ᠠᠵᠢᠯᠲᠠᠨ᠎ᠢ ᠤᠷᠢᠨ ᠬᠡᠷᠡᠭᠯᠡᠬᠦ᠂ ᠠᠵᠢᠯ᠎ᠤᠨ ᠪᠠᠶ᠋ᠢᠷᠢ ᠵᠢᠨ ᠬᠠᠮᠢᠶᠠᠷᠬᠤ᠂ ᠬᠡᠷᠡᠭᠴᠡᠭᠡ᠎ᠪᠠᠨ ᠦᠨᠳᠦᠰᠦᠯᠡᠵᠦ ᠠᠵᠢᠯ᠎ᠤᠨ ᠪᠠᠶ᠋ᠢᠷᠢ ᠲᠣᠬᠢᠷᠠᠭᠤᠯᠬᠤ ᠵᠢ ᠪᠠᠷᠢᠮᠳᠠᠯᠠᠬᠤ᠂ ᠦᠷᠢᠰᠦᠯᠳᠦᠭᠡᠨ ᠵᠶ᠋ᠡᠷ ᠠᠵᠢᠯ᠎ᠤᠨ ᠪᠠᠶ᠋ᠢᠷᠢ᠎ᠳᠤ ᠭᠠᠷᠬᠤ᠂ ᠠᠵᠢᠯ᠎ᠤᠨ ᠪᠠᠶ᠋ᠢᠷᠢ ᠵᠶ᠋ᠠᠷ ᠬᠠᠷᠢᠭᠤᠴᠠᠯᠭ᠎ᠠ ᠲᠣᠭᠲᠠᠭ᠋ᠠᠬᠤ᠂ ᠠᠵᠢᠯ᠎ᠤᠨ ᠪᠠᠶ᠋ᠢᠷᠢ ᠬᠤᠪᠢᠷᠠᠪᠠᠯ ᠴᠠᠯᠢᠩ ᠴᠦ᠍ ᠬᠤᠪᠢᠷᠠᠬᠤ ᠵᠢᠨ ᠬᠥᠮᠦᠨ ᠬᠡᠷᠡᠭᠯᠡᠬᠦ ᠲᠣᠭᠲᠠᠴᠠ ᠵᠢ ᠬᠡᠷᠡᠭᠵᠢᠭᠦᠯᠵᠦ᠂ ᠡᠮᠨᠡᠯᠭᠡ ᠵᠢᠨ ᠬᠣᠷᠢᠶᠠᠨ᠎ᠤ ᠠᠵᠢᠯᠲᠠᠨ ᠡᠯᠰᠡᠬᠦ ᠪᠠ ᠬᠥᠮᠦᠨ ᠬᠡᠷᠡᠭᠯᠡᠬᠦ ᠡᠵᠡᠨ ᠮᠡᠳᠡᠬᠦ ᠡᠷᠬᠡ ᠵᠢ ᠨᠠᠢ᠌ᠳᠠᠪᠤᠷᠢᠵᠢᠭᠤᠯᠪᠠ᠃ ᠬᠥᠮᠦᠰ᠎ᠤᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ ᠲᠥᠷᠢᠮ᠎ᠢ ᠲᠡᠭᠦᠯᠳᠡᠷᠵᠢᠭᠦᠯᠵᠦ᠂ ᠡᠮᠨᠡᠯᠭᠡ ᠵᠢᠨ ᠠᠵᠢᠯᠲᠠᠳ᠎ᠤᠨ ᠴᠠᠯᠢᠩ ᠣᠷᠣᠯᠭ᠎ᠠ ᠵᠢ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠣᠭ᠎ᠠ ᠬᠡᠮᠵᠢᠶ᠎ᠡ᠂ ᠶᠠᠰᠤ ᠴᠢᠨᠠᠷ᠂ ᠮᠡᠷᠭᠡᠵᠢᠯ᠎ᠤᠨ ᠬᠦᠴᠢᠷ᠎ᠤᠨ ᠬᠡᠮᠵᠢᠶ᠎ᠡ᠂ ᠤᠯᠠᠨ ᠲᠦᠮᠡᠨ᠎ᠤ ᠲᠠᠭ᠋ᠠᠰᠢᠶᠠᠯ᠎ᠤᠨ ᠬᠡᠮᠵᠢᠶ᠎ᠡ ᠵᠡᠷᠭᠡ᠎ᠲᠠᠢ ᠬᠣᠯᠪᠤᠭᠳᠠᠭᠤᠯᠵᠤ᠂ ᠣᠷᠣᠯᠭ᠎ᠠ ᠵᠢᠨ ᠵᠥᠷᠢᠶ᠎ᠡ ᠵᠢ ᠵᠦᠢ ᠵᠣᠬᠢᠰᠲᠠᠶ ᠶᠡᠬᠡᠰᠬᠡᠨ᠂ ᠡᠮᠨᠡᠯᠭᠡ ᠵᠢᠨ ᠠᠵᠢᠯᠳᠠᠨ᠎ᠤ ᠢᠳᠡᠪᠬᠢᠵᠢᠯ᠎ᠢ ᠭᠦᠢ᠍ᠴᠡᠳ ᠳᠠᠶ᠋ᠢᠴᠢᠯᠠᠨ᠂ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠨᠡᠢ᠍ᠢ᠍ᠳᠡ ᠵᠢᠨ ᠠᠰᠠᠷᠠᠮᠵᠢ ᠵᠢᠨ ᠴᠢᠨᠠᠷ᠎ᠢ ᠬᠠᠮᠠᠭ᠋ᠠᠯᠠᠪᠠ᠃
      ᠬᠣᠶᠠᠷ᠎ᠲᠤ ᠠᠵᠢᠯᠲᠠᠨ᠎ᠤ ᠶᠠᠪᠤᠳᠠᠯ᠎ᠤᠨ ᠳᠦᠷᠢᠮ᠎ᠤᠨ ᠥᠭᠡᠷᠡᠴᠢᠯᠡᠯᠲᠡ ᠵᠢ ᠲᠦᠯᠬᠢᠨ ᠠᠬᠢᠭᠤᠯᠪᠠ᠃ ᠲᠤᠷᠰᠢᠯᠲᠠ ᠵᠢᠨ ᠬᠣᠰᠢᠭᠤ ᠲᠣᠭᠣᠷᠢᠭ ᠪᠥᠬᠥᠳᠡ ᠡᠮᠨᠡᠯᠭᠡ ᠵᠢᠨ ᠬᠤᠷᠢᠶᠠᠨ᠎ᠤ ᠵᠠᠰᠠᠭ ᠵᠠᠬᠢᠷᠭ᠋ᠠᠨ᠎ᠤ ᠳᠡᠰ᠎ᠢ ᠪᠦᠬᠦᠨ᠎ᠢ ᠬᠦᠴᠦᠨ ᠦᠭᠡᠢ ᠪᠣᠯᠭ᠋ᠠᠨ᠂ ᠵᠠᠰᠠᠭ ᠵᠠᠬᠢᠷᠭ᠋ᠠᠴᠢᠯᠠᠬᠤ ᠪᠣᠰᠤ ᠬᠠᠮᠢᠶᠠᠷᠤᠯᠲᠠ ᠵᠢ ᠬᠡᠷᠡᠭᠵᠢᠭᠦᠯᠵᠦ ᠡᠮᠨᠡᠯᠭᠡ ᠵᠢᠨ ᠬᠣᠷᠢᠶᠠᠨ᠎ᠤ ᠳᠠᠷᠤᠭ᠎ᠠ ᠵᠢ ᠨᠡᠢ᠌ᠭᠡᠮ᠎ᠠᠴᠠ ᠢᠯᠡ᠎ᠪᠠᠷ ᠤᠷᠢᠨ ᠵᠠᠯᠠᠪᠠ; ᠬᠤᠳᠠ ᠵᠢᠨ ᠰᠢᠭᠤᠳ ᠬᠠᠷᠢᠶ᠎ᠠ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠳᠠᠷᠤᠭ᠎ᠠ ᠵᠢ ᠤᠷᠢᠨ ᠵᠠᠯᠠᠬᠤ ᠠᠯᠪᠠᠨ ᠵᠠᠷ᠎ᠢ ᠨᠢᠭᠡᠨᠲᠡ ᠵᠢᠩᠬᠢᠨᠢ᠎ᠪᠠᠷ ᠲᠠᠷᠬᠠᠭ᠋ᠠᠵᠤ ᠣᠳᠣ ᠶᠠᠭ ᠵᠣᠬᠢᠶᠠᠨ ᠪᠠᠢ᠌ᠭᠤᠯᠤᠨ ᠬᠡᠷᠡᠭᠵᠢᠭᠦᠯᠵᠦ ᠪᠠᠢ᠌ᠨ᠎ᠠ᠃ ᠡᠭᠦᠨ᠎ᠤ ᠬᠠᠮᠲᠤ ᠪᠦᠬᠦ ᠬᠣᠲᠠ ᠵᠢᠨ ᠡᠯ᠎ᠡ ᠱᠠᠲᠤᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶ᠎ᠠ ᠵᠢᠨ ᠪᠣᠳᠠᠲᠤ ᠴᠣᠭᠴᠠ ᠵᠢᠨ ᠣᠷᠤᠨ ᠲᠣᠭ᠎ᠠ ᠵᠢ ᠠᠯᠬᠤᠮ ᠠᠯᠬᠤᠮ ᠵᠶ᠋ᠠᠷ ᠬᠦᠴᠦᠨ ᠦᠭᠡᠢ ᠪᠣᠯᠭ᠋ᠠᠵᠤ᠂ ᠣᠷᠣᠨ ᠲᠣᠭ᠎ᠠ ᠵᠢ ᠡᠳ᠋᠎ᠤᠨ ᠵᠠᠰᠠᠭ ᠡᠵᠡᠮᠳᠡᠬᠦ ᠬᠠᠮᠢᠶᠠᠷᠤᠯᠲᠠ ᠵᠢ ᠬᠡᠷᠡᠭᠵᠢᠭᠦᠯᠦᠨ᠂ ᠣᠷᠤᠨ ᠲᠣᠭ᠎ᠠ᠎ᠪᠠᠷ ᠨᠦᠬᠦᠪᠦᠷᠢᠯᠡᠬᠦ ᠬᠡᠯᠪᠡᠷᠢ ᠵᠢ ᠠᠪᠤᠨ᠂ ᠡᠮ ᠡᠮᠨᠡᠯᠭᠡ ᠵᠢᠨ ᠪᠠᠶ᠋ᠢᠭᠤᠯᠤᠮᠵᠢ᠎ᠳᠠᠬᠢ ᠣᠷᠣᠭᠤᠯᠤᠯᠲᠠ᠎ᠪᠠᠨ ᠨᠡᠮᠡᠭᠳᠡᠭᠦᠯᠪᠡ᠃ ᠣᠳᠣᠬᠠᠨ᠎ᠳᠤ᠂ ᠬᠣᠲᠠ ᠵᠢᠨ ᠰᠢᠭᠤᠳ ᠬᠠᠷᠢᠶᠠᠲᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠳᠤ ᠨᠡᠢ᠍ᠢ᠍ᠳᠡ 2789 ᠣᠷᠤᠨ ᠲᠣᠭ᠎ᠠ ᠪᠠᠢ᠌ᠵᠤ᠂ ᠡᠭᠦᠨ᠎ᠳᠤ ᠡᠵᠡᠮᠰᠢᠯ᠎ᠤᠨ ᠤᠷᠤᠨ ᠲᠣᠭ᠎ᠠ 2073 ᠪᠠᠢ᠌ᠵᠤ᠂ 74.3% ᠡᠵᠡᠯᠡᠵᠦ ᠪᠠᠶ᠋ᠢᠨ᠎ᠠ; 2009 ᠣᠨ᠎ᠲᠠᠢ ᠬᠠᠷᠢᠴᠠᠭᠤᠯᠪᠠᠯ᠂ ᠶᠡᠷᠦᠩᠬᠡᠶ ᠤᠷᠤᠨ ᠲᠣᠭ᠎ᠠ 1529 ᠨᠡᠮᠡᠭᠳᠡᠨ᠂ ᠡᠭᠦᠨ᠎ᠳᠤ ᠡᠵᠡᠮᠰᠢᠯ᠎ᠤᠨ ᠤᠷᠤᠨ ᠲᠣᠭ᠎ᠠ 1434 ᠨᠡᠮᠡᠭᠳᠡᠪᠡ᠃
      ᠬᠥᠲᠥᠯᠥᠭᠴᠢ᠄  
      ᠤᠷᠳᠤᠰ ᠬᠤᠳᠠ ᠡᠮ᠎ᠤᠨ ᠣᠷᠣᠯᠭ᠎ᠠ᠎ᠪᠠᠷ ᠡᠮᠨᠡᠯᠭᠡ ᠵᠢ ᠨᠥᠬᠥᠪᠥᠷᠢᠯᠡᠬᠦ ᠶᠠᠪᠤᠳᠠᠯ᠎ᠢ ᠦᠭᠡᠢ᠌ᠰᠭᠡᠬᠦ ᠲᠠᠯ᠎ᠠ᠎ᠳᠤ ᠶᠠᠭ᠋ᠠᠬᠢᠵᠤ ᠬᠢᠭᠰᠡᠨ ᠪᠤᠢ?
      ᠡᠾᠸ ᠲᠣᠣ᠄
     2010 ᠣᠨ᠎ᠠᠴᠠ ᠡᠬᠢᠯᠡᠨ᠂ ᠪᠦᠬᠦ ᠬᠣᠲᠠ ᠵᠢᠨ ᠵᠠᠰᠠᠭ᠎ᠤᠨ ᠣᠷᠳᠣᠨ᠎ᠤ ᠡᠷᠭᠢᠯᠡᠭᠰᠡᠨ ᠦᠨᠳᠦᠰᠦᠨ ᠱᠠᠲᠤᠨ᠎ᠤ ᠡᠮ ᠡᠮᠨᠡᠯᠭᠡ ᠵᠢᠨ ᠪᠠᠶ᠋ᠢᠭᠤᠯᠤᠮᠵᠢ (ᠬᠣᠰᠢᠭᠤ ᠲᠣᠭᠤᠷᠢᠭ᠎ᠤᠨ ᠱᠠᠲᠤᠨ᠎ᠤ ᠡᠮᠨᠡᠯᠭᠡ ᠵᠢᠨ ᠬᠣᠷᠢᠶ᠎ᠠ ᠵᠢ ᠪᠠᠭᠲᠠᠨ᠎ᠠ) ᠪᠦᠬᠦᠨ᠎ᠳᠤ ᠤᠯᠤᠰ᠎ᠤᠨ ᠡᠮ᠎ᠤᠨ ᠵᠦᠢ᠍ᠯ᠎ᠤᠨ ᠦᠨᠳᠦᠰᠦᠨ ᠲᠦᠷᠢᠮ᠎ᠢ ᠬᠡᠷᠡᠭᠵᠢᠭᠦᠯᠵᠦ ᠣᠷᠤᠭᠤᠯᠤᠭᠰᠠᠨ ᠦᠨ᠎ᠡ᠎ᠪᠠᠷ᠎ᠨᠢ ᠪᠣᠷᠤᠯᠠᠭᠤᠯᠪᠠ᠃ ᠣᠷᠤᠭᠤᠯᠤᠭᠰᠠᠨ ᠦᠨ᠎ᠡ᠎ᠪᠠᠷ᠎ᠨᠢ ᠪᠣᠷᠤᠯᠠᠭᠤᠯᠬᠤ᠎ᠠᠴᠠ ᠪᠣᠯᠵᠤ ᠬᠠᠰᠤᠭᠳᠠᠭᠰᠠᠨ ᠵᠦᠢ ᠵᠣᠬᠢᠰᠲᠠᠶ ᠣᠷᠣᠯᠭ᠎ᠠ ᠵᠢ᠂ ᠭᠠᠵᠠᠷ ᠤᠷᠤᠨ᠎ᠤ᠎ᠤᠨ ᠡᠳ᠋᠎ᠤᠨ ᠵᠠᠰᠠᠭ᠎ᠠᠴᠠ ᠡᠮ᠎ᠤᠨ ᠵᠦᠢ᠍ᠯ᠎ᠢ ᠪᠣᠷᠤᠯᠠᠭᠤᠯᠤᠭᠰᠠᠨ ᠶᠡᠷᠦᠩᠬᠡᠢ ᠦᠨ᠎ᠡ ᠵᠢᠨ 15 % (ᠮᠣᠩᠭᠣᠯ ᠡᠮ ᠬᠢᠲᠠᠳ ᠡᠮ᠎ᠤᠨ 25%)᠎ᠪᠠᠷ ᠨᠦᠬᠦᠪᠦᠷᠢᠯᠡᠵᠦ ᠥᠭᠪᠡ᠃ ᠡᠮ᠎ᠤᠨ ᠵᠦᠢ᠍ᠯ᠎ᠤᠨ ᠦᠨᠳᠦᠰᠦᠨ ᠲᠦᠷᠢᠮ᠎ᠢ ᠬᠡᠷᠡᠭᠵᠢᠭᠦᠯᠦᠭᠰᠡᠨ᠎ᠠᠴᠠ ᠨᠠᠰᠢ᠂ ᠡᠪᠡᠳᠴᠢᠲᠡᠨ ᠲᠦᠮᠡᠨ᠎ᠳᠤ ᠨᠡᠢ᠌ᠲᠡ 2.4 ᠳ᠋ᠦᠩᠰᠢᠭᠤᠷ ᠲᠥᠭᠥᠷᠢᠭ᠎ᠤᠨ ᠡᠮ᠎ᠤᠨ ᠵᠦᠢ᠍ᠯ᠎ᠤᠨ ᠳᠠᠷᠤᠭ᠋ᠠᠰᠤ ᠵᠢ ᠬᠦᠩᠭᠡᠷᠡᠭᠦᠯᠵᠦ ᠥᠭᠪᠡ᠃ ᠡᠨᠡ ᠵᠢᠯ᠎ᠤᠨ 6 ᠳ᠋ᠤᠭ᠋ᠠᠷ ᠰᠠᠷ᠎ᠠ᠎ᠠᠴᠠ ᠡᠬᠢᠯᠡᠨ᠂ ᠬᠤᠳᠠ ᠵᠢᠨ ᠰᠢᠭᠤᠳ ᠬᠠᠷᠢᠶ᠎ᠠ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶ᠎ᠠ ᠪᠦᠬᠦᠨ᠎ᠳᠤ ᠡᠮ᠎ᠤᠨ ᠵᠦᠢ᠍ᠯ᠎ᠢ ᠣᠷᠤᠭᠤᠯᠤᠭᠰᠠᠨ ᠦᠨ᠎ᠡ᠎ᠪᠠᠷ᠎ᠨᠢ ᠪᠣᠷᠤᠯᠠᠭᠤᠯᠬᠤ ᠵᠢ ᠬᠡᠷᠡᠭᠵᠢᠭᠦᠯᠵᠦ᠂ ᠵᠢᠯ ᠪᠦᠷᠢ ᠡᠪᠡᠳᠴᠢᠲᠡᠨ ᠲᠦᠮᠡᠨ᠎ᠳᠤ 6 ᠲᠦᠮᠡᠨ ᠲᠥᠭᠥᠷᠢᠭ᠎ᠤᠨ ᠡᠮ᠎ᠤᠨ ᠵᠦᠢ᠍ᠯ᠎ᠤᠨ ᠳᠠᠷᠤᠭ᠋ᠠᠰᠤ ᠵᠢ ᠤᠯᠠᠮ ᠨᠢᠭᠡ ᠠᠯᠬᠤᠮ ᠬᠦᠩᠭᠡᠷᠡᠭᠦᠯᠵᠦ ᠥᠭᠪᠡ᠃ ᠡᠮᠨᠡᠯᠭᠡ ᠵᠢᠨ ᠬᠣᠷᠢᠶ᠎ᠠ ᠡᠭᠦᠨ᠎ᠠᠴᠠ ᠪᠣᠯᠵᠤ ᠬᠠᠰᠤᠭᠳᠠᠭᠰᠠᠨ ᠣᠷᠣᠯᠭ᠎ᠠ ᠵᠢ ᠶᠡᠷᠦᠩᠬᠡᠶ᠋ᠢᠯᠡᠭᠰᠡᠨ ᠡᠮᠨᠡᠯᠭᠡ ᠵᠢᠨ ᠬᠣᠷᠢᠶ᠎ᠠ ᠪᠣᠯ 6:3:1᠂ ᠲᠤᠰᠬᠠᠶ ᠮᠡᠷᠭᠡᠵᠢᠯ᠎ᠤᠨ ᠡᠮᠨᠡᠯᠭᠡ ᠵᠢᠨ ᠬᠣᠷᠢᠶ᠎ᠠ ᠪᠣᠯ 3:6:1 ᠵᠢᠨ ᠬᠠᠷᠢᠴᠠᠯ ᠵᠶ᠋ᠡᠷ ᠨᠦᠬᠦᠪᠦᠷᠢᠯᠡᠵᠦ ᠥᠭᠪᠡ᠃ ᠡᠮ᠎ᠤᠨ ᠵᠦᠢ᠍ᠯ᠎ᠤᠨ ᠬᠣᠷᠣᠭᠳᠠᠯ ᠮᠠᠲᠸᠷᠢᠶᠠᠯ᠎ᠢ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠨ ᠠᠪᠬᠤ ᠲᠠᠪᠴᠠᠩ᠎ᠤᠨ ᠳᠣᠣᠷ᠎ᠠ ᠲᠥᠪᠯᠡᠷᠡᠭᠦᠯᠵᠦ ᠪᠠᠢ᠌ᠭ᠋ᠠᠳ ᠵᠦᠪᠯᠡᠯᠭᠡᠨ᠎ᠤ ᠦᠨ᠎ᠡ ᠬᠠᠩᠰᠢ᠎ᠪᠠᠷ ᠬᠤᠳᠠᠯᠳᠤᠨ ᠠᠪᠤᠪᠠ᠂ ᠮᠠᠨ᠎ᠤ ᠬᠣᠲᠠ ᠣᠳᠣ ᠶᠠᠭ ᠬᠤᠳᠠ ᠵᠢᠨ ᠱᠠᠲᠤᠨ᠎ᠤ ᠡᠮ᠎ᠤᠨ ᠵᠦᠢ᠍ᠯ᠎ᠤᠨ ᠬᠣᠷᠣᠭᠳᠠᠯ ᠮᠠᠲᠸᠷᠢᠶᠠᠯ᠎ᠢ ᠬᠤᠳᠠᠯᠳᠤᠨ ᠠᠪᠬᠤ ᠬᠢᠨᠠᠯᠲᠠ ᠬᠠᠮᠢᠶᠠᠷᠤᠯᠲᠠ ᠪᠠ ᠳ᠋ᠦᠩᠨᠡᠨ ᠪᠤᠳᠤᠬᠤ ᠲᠠᠪᠴᠠᠩ᠎ᠢ ᠪᠠᠢ᠌ᠭᠤᠯᠤᠭ᠋ᠠᠳ ᠡᠮ᠎ᠤᠨ ᠵᠦᠢ᠍ᠯ᠎ᠤᠨ ᠦᠨ᠎ᠡ ᠵᠢ ᠪᠠᠭᠤᠷᠠᠭᠤᠯᠵᠤ᠂ ᠤᠯᠠᠨ ᠲᠦᠮᠡᠨ᠎ᠤ ᠡᠪᠡᠳᠴᠢᠨ ᠦᠵᠡᠭᠦᠯᠬᠦ ᠳᠠᠷᠤᠭ᠋ᠠᠰᠤ ᠵᠢ ᠬᠦᠩᠭᠡᠷᠡᠭᠦᠯᠵᠦ ᠪᠠᠢ᠌ᠨ᠎ᠠ᠃
      ᠬᠥᠲᠥᠯᠥᠭᠴᠢ᠄
      ᠡᠮ ᠡᠮᠨᠡᠯᠭᠡ ᠵᠢᠨ ᠳᠠᠭ᠋ᠠᠳᠬᠠᠯ᠎ᠤᠨ ᠵᠠᠷᠤᠳᠠᠯ ᠥᠭᠬᠦ ᠳᠦᠷᠢᠮ᠎ᠤᠨ ᠥᠭᠡᠷᠡᠴᠢᠯᠡᠯᠲᠡ ᠵᠢ ᠬᠡᠷᠬᠢᠨ ᠲᠦᠯᠬᠢᠨ ᠠᠬᠢᠭᠤᠯᠬᠤ ᠪᠣᠢ?
      ᠾᠧ ᠲᠣᠣ᠄
      ᠡᠮᠴᠢᠯᠡᠭᠡᠨ᠎ᠤ ᠠᠷᠭ᠎ᠠ ᠵᠠᠮ᠂ ᠪᠦᠬᠦ ᠲᠣᠭ᠎ᠠ᠎ᠪᠠᠷ ᠤᠷᠢᠳᠴᠢᠯᠠᠨ ᠲᠤᠰᠢᠶᠠᠬᠤ ᠪᠠ ᠭᠠᠭᠴᠠ ᠡᠪᠡᠳᠴᠢᠨ᠎ᠤ ᠲᠥᠷᠥᠯ ᠵᠶ᠋ᠡᠷ ᠵᠠᠷᠤᠳᠠᠯ ᠲᠤᠰᠢᠶᠠᠬᠤ ᠥᠭᠡᠷᠡᠴᠢᠯᠡᠯᠲᠡ ᠵᠢ ᠢᠳᠡᠪᠬᠢᠲᠡᠢ᠎ᠪᠠᠷ ᠳᠡᠯᠭᠡᠷᠡᠭᠦᠯᠦᠨ᠎ᠡ; ᠡᠯ᠎ᠡ ᠬᠣᠰᠢᠭᠤ ᠲᠣᠭᠣᠷᠢᠭ᠎ᠤᠨ ᠶᠡᠷᠦᠩᠬᠡᠢ᠌ᠯᠡᠭᠰᠡᠨ ᠡᠮᠨᠡᠯᠭᠡ ᠵᠢᠨ ᠬᠣᠷᠢᠶ᠎ᠠ ᠴᠥᠮ ᠠᠷᠪᠠᠭ᠋ᠠᠳ ᠡᠪᠡᠳᠴᠢᠨ᠎ᠤ ᠲᠥᠷᠥᠯ᠎ᠤᠨ ᠡᠮᠴᠢᠯᠡᠭᠡᠨ᠎ᠤ ᠠᠷᠭ᠎ᠠ ᠵᠠᠮ᠎ᠢ ᠲᠣᠭᠲᠠᠭ᠋ᠠᠪᠠ᠂ ᠬᠣᠲᠠ ᠵᠢᠨ ᠲᠥᠪ ᠡᠮᠨᠡᠯᠭᠡ ᠵᠢᠨ ᠬᠣᠷᠢᠶ᠎ᠠ 21 ᠲᠤᠰᠬᠠᠢ ᠮᠡᠷᠭᠡᠵᠢᠯ᠂ 158 ᠡᠪᠡᠳᠴᠢᠨ᠎ᠤ ᠲᠥᠷᠥᠯ᠎ᠤᠨ ᠡᠮᠴᠢᠯᠡᠭᠡᠨ᠎ᠤ ᠠᠷᠭ᠎ᠠ ᠵᠠᠮ᠎ᠢ ᠲᠣᠭᠲᠠᠭ᠋ᠠᠪᠠ; ᠬᠡᠰᠡᠭ ᠬᠣᠰᠢᠭᠤ ᠲᠣᠭᠣᠷᠢᠭ᠎ᠤᠨ ᠶᠡᠷᠦᠩᠬᠡᠢ᠌ᠯᠡᠭᠰᠡᠨ ᠡᠮᠨᠡᠯᠭᠡ ᠵᠢᠨ ᠬᠣᠷᠢᠶ᠎ᠠ ᠪᠦᠬᠦ ᠲᠣᠭ᠎ᠠ᠎ᠪᠠᠷ ᠤᠷᠢᠳᠴᠢᠯᠠᠨ ᠲᠤᠰᠢᠶᠠᠬᠤ ᠵᠢ ᠬᠡᠷᠡᠭᠵᠢᠭᠦᠯᠵᠡᠢ; ᠬᠣᠲᠠ ᠵᠢᠨ ᠳᠥᠷᠪᠡᠳᠦᠭᠡᠷ ᠠᠷᠠᠳ᠎ᠤᠨ ᠡᠮᠨᠡᠯᠭᠡ ᠵᠢᠨ ᠬᠣᠷᠢᠶ᠎ᠠ ᠡᠮᠴᠢᠯᠡᠭᠡᠨ᠎ᠤ ᠣᠷᠣ ᠵᠢᠨ ᠡᠳᠦᠷ᠎ᠤᠨ ᠲᠣᠭ᠎ᠠ᠎ᠪᠠᠷ ᠵᠠᠷᠤᠳᠠᠯ ᠲᠤᠰᠢᠶᠠᠬᠤ ᠵᠢ ᠬᠡᠷᠡᠭᠵᠢᠭᠦᠯᠵᠦ᠂ ᠡᠮ ᠡᠮᠨᠡᠯᠭᠡ ᠵᠢᠨ ᠶᠡᠷᠦᠩᠬᠡᠢ ᠵᠠᠷᠤᠳᠠᠯ ᠪᠣᠯᠣᠨ ᠣᠳᠠᠭ᠎ᠠ ᠪᠦᠷᠢ ᠵᠢᠨ ᠵᠠᠷᠤᠳᠠᠯ᠎ᠢ ᠪᠦᠲᠦᠮᠵᠢᠲᠡᠢ᠎ᠪᠠᠷ   ᠬᠢᠵᠠᠭ᠋ᠠᠷᠯᠠᠪᠠ᠃
      ᠬᠥᠲᠥᠯᠥᠭᠴᠢ᠄
      ᠤᠯᠠᠨ ᠡᠰᠢᠯᠡᠭᠰᠡᠨ ᠡᠮᠨᠡᠯᠭᠡ ᠡᠷᠬᠢᠯᠡᠬᠦ ᠲᠠᠯ᠎ᠠ᠎ᠪᠠᠷ ᠶᠠᠮᠠᠷ ᠪᠣᠳᠠᠲᠠᠢ ᠠᠷᠭ᠎ᠠ ᠪᠠᠢ᠌ᠬᠤ ᠪᠣᠢ?
      ᠾᠧ ᠲᠣᠣ᠄
      ᠨᠡᠢ᠌ᠭᠡᠮ᠎ᠤᠨ ᠬᠦᠴᠦᠨ᠎ᠤ ᠡᠷᠬᠢᠯᠡᠭᠰᠡᠨ ᠠᠰᠢᠭ ᠬᠣᠨᠵᠢᠪᠤᠷᠢ ᠵᠢᠨ ᠪᠤᠰᠤ ᠴᠢᠨᠠᠷᠲᠠᠢ ᠡᠮᠨᠡᠯᠭᠡ ᠵᠢᠨ ᠪᠠᠢ᠌ᠭᠤᠯᠤᠮᠵᠢ᠎ᠳᠤ ᠠᠯᠪᠠᠨ᠎ᠤ ᠪᠠᠢ᠌ᠭᠤᠯᠤᠭᠰᠠᠨ ᠡᠮᠨᠡᠯᠭᠡ ᠵᠢᠨ ᠬᠣᠷᠢᠶ᠎ᠠ᠎ᠲᠠᠢ ᠠᠳᠠᠯᠢᠬᠠᠨ ᠬᠠᠷᠠᠭ᠋ᠠᠯᠵᠠᠯ ᠬᠦᠷᠲᠡᠭᠡᠨ᠎ᠡ᠃ ᠬᠣᠲᠠ ᠵᠢᠨ ᠡᠳ᠋᠎ᠤᠨ ᠵᠠᠰᠠᠭ᠎ᠠᠴᠠ 3200 ᠲᠦᠮᠡᠨ ᠲᠦᠭᠦᠷᠡᠭ᠎ᠤᠨ ᠪᠡᠯᠡ ᠤᠷᠤᠭᠤᠯᠤᠨ ᠠᠷᠠᠳ᠎ᠠᠴᠠ ᠡᠵᠡᠩᠨᠡᠭᠰᠡᠨ ᠡᠮᠨᠡᠯᠭᠡ ᠵᠢᠨ ᠬᠣᠷᠢᠶ᠎ᠠ ᠵᠢ ᠲᠤᠰᠬᠠᠢ ᠳᠡᠮᠵᠢᠬᠦ ᠱᠠᠩᠨᠠᠯ᠎ᠤᠨ ᠰᠠᠭᠤᠷᠢ ᠮᠥᠩᠭᠥ ᠵᠢ ᠪᠠᠢ᠌ᠭᠤᠯᠵᠤ᠂ ᠠᠷᠠᠳ᠎ᠠᠴᠠ ᠡᠷᠬᠢᠯᠡᠵᠦ ᠠᠯᠪᠠᠨ᠎ᠠᠴᠠ ᠳᠡᠮᠵᠢᠬᠦ᠂ ᠦᠢ᠍ᠯᠡᠴᠢᠯᠡᠭᠡ ᠵᠢ ᠬᠤᠳᠠᠯᠳᠤᠨ ᠠᠪᠬᠤ᠂ ᠨᠡᠢ᠌ᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠪ᠎ᠲᠤ ᠨᠠᠢ᠌ᠳᠠᠵᠤ ᠬᠠᠮᠢᠶᠠᠷᠤᠭᠤᠯᠬᠤ ᠵᠡᠷᠭᠡ ᠤᠯᠠᠨ ᠵᠦᠢ᠍ᠯ᠎ᠤᠨ ᠬᠡᠯᠪᠡᠷᠢ᠎ᠪᠠᠷ ᠳᠠᠮᠵᠢᠨ ᠠᠷᠠᠳ᠎ᠠᠴᠠ ᠡᠵᠡᠩᠨᠡᠭᠰᠡᠨ ᠪᠠᠢ᠌ᠭᠤᠯᠤᠮᠵᠢ ᠵᠢᠨ ᠬᠥᠭᠵᠢᠯᠲᠡ ᠵᠢ ᠳᠡᠮᠵᠢᠪᠡ᠃ ᠣᠳᠣᠬᠠᠨ᠎ᠳᠤ᠂ ᠪᠦᠬᠦ ᠬᠣᠲᠠ᠎ᠳᠤ ᠠᠷᠠᠳ᠎ᠠᠴᠠ ᠡᠵᠡᠩᠨᠡᠭᠰᠡᠨ ᠡᠮᠨᠡᠯᠭᠡ ᠵᠢᠨ ᠬᠣᠷᠢᠶ᠎ᠠ ᠨᠡᠢ᠌ᠲᠡ 56 ᠪᠠᠢ᠌ᠵᠤ᠂ ᠡᠪᠡᠳᠴᠢᠲᠡᠨ᠎ᠤ ᠣᠷᠣ ᠵᠢᠨ ᠲᠣᠭ᠎ᠠ᠎ᠨᠢ ᠪᠦᠬᠦ ᠬᠣᠲᠠ ᠵᠢᠨ ᠶᠡᠷᠦᠩᠬᠡᠢ ᠡᠪᠡᠳᠴᠢᠲᠡᠨ᠎ᠤ ᠣᠷᠣ ᠵᠢᠨ 23% ᠵᠢ ᠡᠵᠡᠯᠡᠵᠦ ᠪᠣᠢ᠂ ᠠᠷᠠᠳ᠎ᠠᠴᠠ ᠡᠵᠡᠩᠨᠡᠭᠰᠡᠨ ᠡᠮᠨᠡᠯᠭᠡ ᠵᠢᠨ ᠬᠣᠷᠢᠶ᠎ᠠ ᠬᠢᠭᠡᠳ ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠣᠷᠢᠶ᠎ᠠ ᠡᠮᠬᠢ ᠴᠡᠭᠴᠡᠲᠡᠢ᠎ᠪᠠᠷ ᠥᠷᠢᠰᠦᠯᠳᠦᠵᠦ᠂ ᠬᠠᠮᠲᠤᠪᠠᠷ ᠬᠥᠭᠵᠢᠬᠦ ᠰᠠᠢ᠌ᠨ ᠰᠠᠢ᠌ᠬᠠᠨ ᠪᠠᠢ᠌ᠳᠠᠯ᠎ᠢ ᠨᠢᠭᠡᠨᠲᠡ ᠦᠨᠳᠦᠰᠦᠨ᠎ᠳᠡᠭᠡᠨ ᠪᠣᠢ ᠪᠣᠯᠭ᠋ᠠᠪᠠ᠃
      ᠬᠥᠲᠥᠯᠥᠭᠴᠢ᠄
      ᠮᠣᠩᠭᠣᠯ ᠬᠢᠲᠠᠳ ᠡᠮ ᠡᠮᠨᠡᠯᠭᠡ ᠵᠢᠨ ᠦᠢ᠍ᠯᠡᠰ᠎ᠤᠨ ᠬᠥᠭᠵᠢᠯᠲᠡ ᠵᠢ ᠵᠣᠷᠢᠭᠵᠢᠭᠤᠯᠬᠤ ᠲᠠᠯ᠎ᠠ᠎ᠪᠠᠷ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ?
      ᠾᠧ ᠲᠣᠣ᠄
      ᠪᠦᠬᠦ ᠬᠣᠲᠠ᠎ᠳᠤ ᠨᠡᠢ᠌ᠲᠡ ᠮᠣᠩᠭᠣᠯ ᠬᠢᠲᠠᠳ 9 ᠰᠠᠭᠤᠷᠢ ᠡᠮᠨᠡᠯᠭᠡ ᠵᠢᠨ ᠬᠤᠷᠢᠶ᠎ᠠ ᠪᠠᠢ᠌ᠭᠤᠯᠵᠤ᠂ ᠤᠯᠤᠰ᠎ᠤᠨ ᠪᠠᠷᠢᠮᠵᠢᠶᠠᠵᠢᠭᠤᠯᠤᠯᠲᠠ᠎ᠪᠠᠷ ᠡᠮ ᠨᠠᠢ᠌ᠷᠠᠭᠤᠯᠬᠤ ᠭᠡᠷ 5 ᠪᠠᠢ᠌ᠵᠤ᠂10 ᠡᠮ᠎ᠤᠨ ᠬᠡᠯᠪᠡᠷᠢ᠂ 198 ᠲᠥᠷᠥᠯ᠎ᠤᠨ ᠡᠮ᠎ᠢ ᠲᠤᠳᠤᠭ᠋ᠠᠳᠤ᠎ᠳᠤ ᠪᠡᠶ᠎ᠡ᠎ᠪᠠᠨ ᠳᠠᠭ᠋ᠠᠭ᠋ᠠᠵᠤ ᠦᠢ᠍ᠯᠡᠳᠪᠦᠷᠢᠯᠡᠵᠦ ᠪᠣᠯᠣᠨ᠎ᠠ; ᠤᠯᠤᠰ᠎ᠤᠨ ᠬᠢᠲᠠᠳ ᠮᠣᠩᠭᠣᠯ ᠡᠮ ᠡᠮᠨᠡᠯᠭᠡ ᠵᠢᠨ ᠠᠵᠢᠯ᠎ᠤᠨ ᠲᠡᠷᠢᠭᠦᠨ᠎ᠤ ᠬᠣᠲᠠ ᠵᠢ ᠡᠭᠦᠳᠦᠨ ᠪᠠᠢ᠌ᠭᠤᠯᠬᠤ ᠵᠢ ᠲᠦᠷᠭᠡᠳᠬᠡᠵᠦ᠂ ᠴᠢᠳᠠᠪᠤᠷᠢᠲᠠᠨ᠎ᠤ ᠬᠥᠮᠥᠵᠢᠭᠦᠯᠦᠯ ᠪᠠ ᠲᠤᠰᠬᠠᠢ ᠮᠡᠷᠭᠡᠵᠢᠯ᠎ᠤᠨ ᠪᠠᠢ᠌ᠭᠤᠯᠤᠯᠲᠠ ᠵᠢᠨ ᠡᠷᠴᠢᠮ ᠵᠶ᠋ᠡᠨ᠎ᠪᠠᠨ ᠴᠢᠩᠭ᠋ᠠᠷᠠᠭᠤᠯᠵᠤ᠂ ᠮᠣᠩᠭᠣᠯ ᠬᠢᠲᠠᠳ ᠡᠮ ᠡᠮᠨᠡᠯᠭᠡ ᠵᠢᠨ ᠦᠢ᠍ᠯᠡᠴᠢᠯᠡᠭᠡ ᠵᠢ ᠬᠡᠷᠡᠭᠯᠡᠬᠦ ᠵᠢ ᠵᠣᠷᠢᠭᠵᠢᠭᠤᠯᠵᠤ᠂ ᠮᠣᠩᠭᠣᠯ ᠬᠢᠲᠠᠳ ᠡᠮ ᠡᠮᠴᠢᠯᠡᠭᠡ ᠵᠢᠨ ᠦᠢ᠍ᠯᠡᠴᠢᠯᠡᠭᠡ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠳᠠᠩᠰᠠ ᠲᠠᠢ᠌ᠯᠬᠤ ᠡᠬᠢᠯᠡᠯᠲᠡ ᠵᠢᠨ ᠲᠤᠭ᠎ᠠ ᠵᠢ 50 % ᠪᠠᠭᠤᠷᠠᠭᠤᠯᠵᠤ᠂ ᠳᠠᠩᠰᠠ ᠲᠠᠢ᠌ᠯᠬᠤ ᠬᠠᠷᠢᠴᠠᠯ᠎ᠢ 15 ᠵᠠᠭᠤᠨ᠎ᠤ ᠴᠡᠭ ᠵᠶ᠋ᠡᠷ ᠳᠡᠭᠡᠭᠰᠢᠯᠡᠭᠦᠯᠵᠦ᠂ ᠢᠯᠢᠵᠦ ᠨᠤᠬᠤᠯᠠᠬᠤ ᠰᠣᠷᠣᠭᠤᠯ ᠲᠠᠯᠪᠢᠬᠤ ᠵᠡᠷᠭᠡ ᠡᠮ᠎ᠤᠨ ᠲᠦᠷᠦᠯ᠎ᠤᠨ ᠪᠤᠰᠤ ᠵᠠᠰᠠᠯᠲᠠ ᠵᠢ ᠳᠠᠩᠰᠠ ᠲᠠᠢ᠌ᠯᠬᠤ ᠬᠡᠪᠴᠢᠶᠡᠨ᠎ᠳᠤ ᠣᠷᠣᠭᠤᠯᠵᠦ᠂ ᠮᠣᠩᠭᠣᠯ ᠬᠢᠲᠠᠳ ᠡᠮ ᠡᠮᠨᠡᠯᠭᠡ ᠵᠢᠨ 《ᠬᠢᠯᠪᠠᠷ᠂ ᠳᠥᠭᠥᠮ᠂ ᠣᠨᠣᠬᠤ᠂ ᠬᠢᠮᠳᠠ》 ᠣᠨᠴᠠᠯᠢᠭ᠎ᠢ ᠭᠦᠢ᠍ᠴᠡᠳ ᠪᠠᠳᠠᠷᠠᠭᠤᠯᠵᠤ᠂ ᠤᠯᠠᠨ ᠲᠦᠮᠡᠨ᠎ᠳᠤ ᠴᠢᠨᠠᠷ ᠰᠠᠢ᠌ᠲᠠᠢ ᠦᠨ᠎ᠡ ᠬᠢᠮᠳᠠ ᠡᠮᠴᠢᠯᠡᠭᠡᠨ᠎ᠤ ᠦᠢ᠍ᠯᠡᠴᠢᠯᠡᠭᠡ ᠬᠠᠩᠭ᠋ᠠᠪᠠ᠃
      ᠬᠥᠲᠥᠯᠥᠭᠴᠢ᠄
      ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠣᠷᠢᠶ᠎ᠠ ᠵᠢᠨ ᠥᠭᠡᠷᠡᠴᠢᠯᠡᠯᠲᠡ ᠳᠤᠮᠳᠠ᠂ ᠣᠷᠳᠣᠰ ᠬᠣᠲᠠ ᠡᠢ᠌ᠮᠦ ᠤᠯᠠᠨ ᠥᠭᠡᠷᠡᠴᠢᠯᠡᠬᠦ ᠰᠦᠪᠡᠭᠴᠢᠯᠡᠯᠲᠡ ᠬᠢᠭᠰᠡᠨ ᠲᠤᠯᠠ᠂ ᠠᠷᠠᠳ ᠲᠦᠮᠡᠨ᠎ᠳᠤ ᠯᠠᠪᠲᠠᠢ ᠤᠯᠠᠨ ᠬᠠᠷᠠᠭ᠋ᠠᠯᠵᠠᠯ ᠦᠵᠡᠭᠦᠯᠦᠭᠰᠡᠨ ᠪᠠᠢ᠌ᠬ᠎ᠠ?
      ᠾᠧ ᠲᠣᠣ᠄
      ᠡᠮ ᠡᠮᠨᠡᠯᠭᠡ ᠵᠢᠨ ᠰᠢᠨ᠎ᠡ ᠥᠭᠡᠷᠡᠴᠢᠯᠡᠯᠲᠡ ᠵᠢ ᠡᠬᠢᠯᠡᠭᠦᠯᠦᠭᠰᠡᠨ᠎ᠠᠴᠠ ᠠᠪᠤᠭ᠋ᠠᠳ᠂ ᠪᠢᠳᠡᠨ ᠡᠮ ᠡᠮᠨᠡᠯᠭᠡ ᠵᠢᠨ ᠥᠭᠡᠷᠡᠴᠢᠯᠡᠯᠲᠡ ᠵᠢᠨ ᠬᠠᠮᠢᠶ᠎ᠠ ᠪᠦᠬᠦᠢ ᠬᠢᠨᠠᠨ ᠰᠢᠯᠭ᠋ᠠᠬᠤ ᠠᠵᠢᠯ᠎ᠢ ᠲᠠᠰᠤᠯᠳᠠᠭᠤᠯᠤᠯ ᠦᠭᠡᠢ᠎ᠪᠠᠷ ᠵᠡᠷᠭᠡᠪᠡᠷ ᠶᠠᠪᠤᠭᠳᠠᠭᠤᠯᠪᠡ᠃ ᠬᠢᠨᠠᠨ ᠰᠢᠯᠭ᠋ᠠᠬᠤ ᠰᠢᠰᠲ᠋ᠧᠮᠵᠢ᠎ᠪᠠᠷ ᠳᠠᠮᠵᠢᠭᠤᠯᠤᠨ᠂ ᠥᠭᠡᠷᠡᠴᠢᠯᠡᠯᠲᠡ ᠵᠢᠨ ᠳᠤᠮᠳᠠ ᠣᠷᠣᠰᠢᠵᠤ ᠪᠠᠢ᠌ᠭ᠎ᠠ ᠠᠰᠠᠭᠤᠳᠠᠯ᠎ᠢ ᠴᠠᠭ ᠲᠤᠬᠠᠢ᠎ᠳᠤᠨᠢ ᠣᠯᠵᠤ ᠮᠡᠳᠡᠵᠦ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠰᠠᠯᠠᠭ᠎ᠠ ᠮᠥᠴᠢᠷ᠎ᠲᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠪᠠᠨ ᠴᠠᠭ ᠲᠤᠬᠠᠢ᠎ᠳᠤᠨᠢ ᠲᠣᠬᠢᠷᠠᠭᠤᠯᠬᠤ ᠪᠠ ᠲᠡᠭᠦᠯᠳᠡᠷᠵᠢᠭᠦᠯᠬᠦ᠎ᠳᠤ ᠦᠨᠳᠦᠰᠦᠯᠡᠯ ᠣᠯᠭᠣᠨ ᠥᠭᠭᠦᠭᠰᠡᠨ᠎ᠤ ᠳᠠᠭ᠋ᠠᠤ ᠡᠮ ᠡᠮᠨᠡᠯᠭᠡ ᠵᠢᠨ ᠥᠭᠡᠷᠡᠴᠢᠯᠡᠯᠲᠡ᠎ᠠᠴᠠ ᠡᠮᠦᠨ᠎ᠡ ᠬᠣᠢ᠌ᠨᠠᠬᠢ ᠣᠯᠠᠨ ᠲᠦᠮᠡᠨ᠎ᠤ ᠬᠦᠷᠲᠡᠬᠦ ᠠᠰᠢᠭ ᠲᠣᠰᠠ᠂ ᠡᠮ ᠡᠮᠨᠡᠯᠭᠡ ᠵᠢᠨ ᠦᠢ᠍ᠯᠡᠴᠢᠯᠡᠭᠡᠨ᠎ᠤ ᠬᠤᠪᠢᠷᠠᠯᠲᠠ ᠵᠡᠷᠭᠡ᠎ᠳᠤ ᠬᠠᠷᠢᠴᠠᠭᠤᠯᠤᠯ ᠵᠠᠳᠠᠯᠤᠯᠲᠠ ᠬᠢᠪᠠ᠃ ᠬᠠᠷᠢᠴᠠᠭᠤᠯᠬᠤ᠎ᠪᠠᠷ ᠳᠠᠮᠵᠢᠭᠤᠯᠵᠤ ᠣᠯᠵᠤ ᠮᠡᠳᠡᠭᠰᠡᠨ ᠭᠣᠣᠯ ᠬᠤᠪᠢᠷᠠᠯᠲᠠ ᠭᠡᠪᠡᠯ᠄ ᠨᠢᠭᠡ᠎ᠳᠤ ᠵᠠᠰᠠᠭ᠎ᠤᠨ ᠣᠷᠳᠣᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠳᠠᠬᠢ ᠪᠡᠯᠡ ᠣᠷᠤᠭᠤᠯᠤᠯᠲᠠ ᠲᠠᠰᠤᠷᠠᠯᠲᠠ ᠦᠭᠡᠢ ᠨᠡᠮᠡᠭᠳᠡᠪᠡ᠃ ᠬᠣᠲᠠ ᠵᠢᠨ 80% ᠵᠢᠨ ᠭᠠᠵᠠᠷ ᠣᠷᠣᠨ 《15 ᠮᠢᠨᠦ᠋ᠲ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠴᠠᠭ᠋ᠠᠷᠢᠭ》᠎ᠢ ᠪᠡᠶᠡᠯᠡᠭᠦᠯᠪᠡ᠂ ᠮᠠᠯᠵᠢᠬᠤ ᠲᠠᠷᠢᠶᠠᠯᠠᠬᠤ ᠣᠷᠣᠨ 《ᠨᠢᠭᠡ ᠲᠣᠰᠬᠤᠨ ᠨᠢᠭᠡ ᠡᠮᠨᠡᠯᠭᠡ ᠵᠢᠨ ᠥᠷᠥᠭᠡ᠎ᠲᠠᠢ ᠪᠠᠢ᠌ᠬᠤ᠂ ᠨᠢᠭᠡ ᠰᠢᠶᠠᠩ ᠨᠢᠭᠡ ᠡᠮᠨᠡᠯᠭᠡ ᠵᠢᠨ ᠬᠣᠷᠢᠶ᠎ᠠ᠎ᠲᠠᠢ ᠪᠠᠢ᠌ᠬᠤ》 ᠬᠠᠷᠠᠯᠲᠠ ᠵᠢᠨ ᠱᠠᠭ᠋ᠠᠷᠳᠠᠯᠭ᠎ᠠ ᠵᠢ ᠪᠡᠶᠡᠯᠡᠭᠦᠯᠪᠡ᠃ ᠬᠣᠶᠠᠷ᠎ᠲᠤ ᠦᠨᠳᠦᠰᠦᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠬᠢᠷᠢ ᠲᠦᠪᠰᠢᠨ ᠪᠠ ᠦᠷ᠎ᠡ ᠪᠦᠲᠦᠮᠵᠢ ᠲᠠᠰᠤᠷᠠᠯᠲᠠ ᠦᠭᠡᠢ ᠳᠡᠭᠡᠭᠰᠢᠯᠡᠵᠤ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠴᠢᠳᠠᠪᠤᠷᠢ᠂ ᠬᠢᠷᠢ ᠲᠦᠪᠰᠢᠨ ᠪᠠ ᠦᠷ᠎ᠡ ᠪᠦᠲᠦᠮᠵᠢ ᠦᠨᠳᠦᠰᠦᠨ ᠴᠢᠨᠠᠷᠲᠠᠢ ᠰᠠᠢ᠌ᠵᠢᠷᠠᠪᠠ᠃ ᠭᠤᠷᠪᠠ᠎ᠳᠤ ᠤᠯᠠᠨ ᠲᠦᠮᠡᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠵᠢ ᠬᠦᠷᠲᠡᠬᠦ ᠴᠢᠨᠠᠷ ᠳᠡᠭᠡᠭᠰᠢᠯᠡᠵᠤ᠂ ᠤᠯᠠᠨ ᠲᠦᠮᠡᠨ᠎ᠤ ᠡᠪᠡᠳᠴᠢᠨ ᠦᠵᠡᠭᠦᠯᠵᠦ ᠡᠮᠨᠡᠭᠦᠯᠬᠦ ᠳᠠᠷᠤᠭ᠋ᠠᠰᠤ ᠵᠢ ᠪᠦᠲᠦᠮᠵᠢᠲᠡᠢ᠎ᠪᠠᠷ ᠬᠥᠩᠭᠡᠯᠡᠪᠡ᠃ ᠳᠥᠷᠪᠡ᠎ᠳᠤ᠂ ᠡᠮ ᠡᠮᠨᠡᠯᠭᠡ ᠵᠢᠨ ᠳᠠᠭ᠋ᠠᠳᠬᠠᠯ᠎ᠤᠨ ᠪᠦᠷᠬᠦᠴᠠ ᠵᠢᠨ ᠬᠡᠪᠴᠢᠶ᠎ᠡ ᠲᠠᠰᠤᠷᠠᠯᠲᠠ ᠦᠭᠡᠢ ᠥᠷᠭᠡᠵᠢᠵᠤ᠂ ᠵᠣᠩᠭᠢᠯᠬᠤ ᠣᠯᠠᠨ ᠲᠣᠭ᠋ᠠᠨ᠎ᠤ ᠰᠠᠭᠤᠭ᠋ᠠᠯᠢ ᠠᠷᠠᠳ᠎ᠤᠨ ᠡᠪᠡᠳᠴᠢᠨ ᠦᠵᠡᠭᠦᠯᠬᠦ᠎ᠨᠢ ᠪᠠᠲᠤᠯᠠᠭ᠎ᠠ᠎ᠲᠠᠢ ᠪᠣᠯᠪᠠ᠃ ᠲᠠᠪᠤ᠎ᠳᠤ ᠰᠠᠭᠤᠭ᠋ᠠᠯᠢ ᠠᠷᠠᠳ᠎ᠤᠨ ᠡᠮᠨᠡᠯᠭᠡ᠎ᠳᠤ ᠰᠠᠭᠤᠬᠤ ᠬᠤᠪᠢ ᠵᠢᠨ ᠰᠦᠢ᠍ᠳᠬᠡᠯ᠎ᠤᠨ ᠬᠠᠷᠢᠴᠠᠯ ᠢᠯᠡᠷᠬᠡᠢ ᠳᠣᠷᠣᠭᠰᠢᠯᠠᠵᠤ᠂ ᠪᠦᠬᠦ ᠬᠣᠲᠠ ᠵᠢᠨ ᠰᠠᠭᠤᠭ᠋ᠠᠯᠢ ᠠᠷᠠᠳ᠎ᠤᠨ ᠡᠪᠡᠳᠴᠢᠨ᠎ᠠᠴᠠ ᠪᠣᠯᠵᠤ ᠶᠠᠳᠠᠭᠤᠷᠠᠬᠤ ᠪᠠ ᠳᠠᠬᠢᠵᠤ ᠶᠠᠳᠠᠭᠤᠷᠠᠬᠤ ᠦᠵᠡᠭᠳᠡᠯ᠎ᠢ ᠪᠦᠲᠦᠮᠵᠢᠲᠡᠢ᠎ᠪᠠᠷ ᠨᠠᠮᠳᠠᠭ᠋ᠠᠪᠠ᠃ ᠵᠢᠷᠭᠤᠭ᠎ᠠ᠎ᠳᠤ᠂ ᠰᠠᠭᠤᠭ᠋ᠠᠯᠢ ᠠᠷᠠᠳ᠎ᠤᠨ ᠭᠣᠣᠯ ᠡᠷᠡᠭᠦᠯ ᠮᠡᠨᠳᠦ ᠵᠢᠨ ᠵᠢᠭ᠋ᠠᠯᠲᠠ ᠲᠣᠭ᠎ᠠ ᠢᠯᠡᠷᠬᠡᠢ ᠰᠠᠢ᠌ᠵᠢᠷᠠᠪᠠ᠃ ᠣᠳᠣ ᠣᠷᠳᠣᠰ ᠬᠣᠲᠠ ᠵᠢᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠬᠥᠭᠵᠢᠯᠲᠡ ᠢᠳᠡᠭ ᠢᠳᠡᠭ ᠵᠶ᠋ᠡᠷ ᠰᠠᠢ᠌ᠨ ᠡᠷᠭᠢᠯᠲᠡ ᠵᠢᠨ ᠵᠠᠮ᠎ᠳᠤ᠎ᠪᠠᠨ ᠣᠷᠣᠵᠤ᠂ ᠡᠮ ᠡᠮᠨᠡᠯᠭᠡ ᠵᠢᠨ ᠡᠮᠬᠢ ᠵᠢᠷᠤᠮ ᠶᠡᠷᠦᠩᠬᠡᠢ᠎ᠳᠡᠭᠡᠨ ᠰᠠᠢ᠌ᠨ ᠲᠡᠰᠢ ᠪᠠᠶᠠᠷᠯᠠᠭᠤᠰᠢᠲᠠᠢ ᠬᠤᠪᠢᠷᠠᠯᠲᠠ᠎ᠲᠠᠢ ᠪᠣᠯᠵᠤ ᠪᠠᠢ᠌ᠨ᠎ᠠ᠃
      ᠬᠥᠲᠥᠯᠥᠭᠴᠢ᠄
      ᠵᠠ ᠰᠠᠢ᠌ᠨ ᠪᠣᠯᠣᠯ᠎ᠠ᠂ ᠾᠧ ᠡᠷᠬᠢᠯᠡᠭᠴᠢ ᠵᠢᠨ ᠨᠠᠷᠢᠨ ᠲᠠᠢ᠌ᠯᠪᠤᠷᠢ ᠬᠢᠭᠰᠡᠨ᠎ᠳᠤ ᠮᠠᠰᠢ ᠲᠠᠯᠠᠷᠬᠠᠯ᠎ᠠ᠂ ᠮᠥᠨᠴᠦ ᠣᠷᠳᠣᠰ ᠬᠣᠲᠠ ᠵᠢᠨ ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠣᠷᠢᠶ᠎ᠠ ᠵᠢᠨ ᠥᠭᠡᠷᠡᠴᠢᠯᠡᠯᠲᠡ ᠨᠡᠩ ᠰᠠᠢ᠌ᠨ ᠦᠷ᠎ᠡ ᠪᠦᠲᠦᠮᠵᠢ ᠣᠯᠬᠤ ᠵᠢ ᠵᠥᠩᠨᠡᠶ᠎ᠡ!
      ᠾᠧ ᠲᠤᠣ᠄
      ᠪᠠᠶᠠᠷᠯᠠᠯ᠎ᠠ! ᠬᠣᠢ᠌ᠰᠢᠳᠠ ᠪᠢᠳᠡ ᠦᠷᠭᠦᠯᠵᠢᠯᠡᠨ ᠪᠦᠬᠦ ᠲᠠᠯ᠎ᠠ᠎ᠪᠠᠷ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ᠎ᠪᠠᠷ ᠵᠢᠯᠣᠭᠣᠳᠤᠭᠤᠯᠵᠤ᠂ ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠣᠷᠢᠶ᠎ᠠ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠂ ᠠᠵᠢᠯᠯᠠᠭ᠋ᠠᠨ᠎ᠤ ᠲᠤᠭᠲᠠᠴᠠ᠂ ᠨᠥᠬᠥᠪᠦᠷᠢ ᠵᠢᠨ ᠲᠤᠭᠲᠠᠴᠠ ᠪᠠ ᠬᠢᠨᠠᠨ ᠬᠠᠮᠢᠶᠠᠷᠤᠯᠲᠠ ᠵᠢᠨ ᠲᠤᠭᠲᠠᠴᠠ ᠵᠡᠷᠭᠡ ᠬᠦᠷᠢᠶ᠎ᠡ ᠬᠡᠪᠴᠢᠶᠡᠨ᠎ᠳᠠᠬᠢ ᠥᠭᠡᠷᠡᠴᠢᠯᠡᠯᠲᠡ ᠵᠢ ᠲᠦᠯᠬᠢᠨ ᠠᠬᠢᠭᠤᠯᠵᠤ᠂ ᠡᠮ ᠡᠮᠨᠡᠯᠭᠡ ᠵᠢᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠪᠠ ᠬᠢᠷᠢ ᠲᠦᠪᠰᠢᠨ᠎ᠢ ᠦᠨᠡᠨᠬᠦ ᠳᠡᠭᠡᠭᠰᠢᠯᠡᠭᠦᠯᠵᠦ᠂ ᠡᠮᠨᠡᠯᠭᠡ ᠵᠢᠨ ᠠᠵᠢᠯᠲᠠᠳ᠎ᠤᠨ ᠢᠳᠡᠪᠬᠢ ᠴᠢᠨᠠᠷ᠎ᠢ ᠳᠠᠢ᠌ᠴᠢᠯᠠᠵᠤ᠂ ᠡᠮ ᠡᠮᠨᠡᠯᠭᠡ ᠵᠢᠨ ᠦᠢ᠍ᠯᠡᠴᠢᠯᠡᠭᠡᠨ᠎ᠤ ᠥᠪᠡᠷ᠎ᠤᠨ ᠥᠷᠲᠡᠭ ᠪᠠ ᠵᠠᠷᠤᠳᠠᠯ᠎ᠢ ᠪᠠᠭ᠋ᠠᠰᠬᠠᠵᠤ᠂ ᠡᠮ ᠡᠮᠨᠡᠯᠭᠡ ᠵᠢᠨ ᠳᠠᠭ᠋ᠠᠳᠬᠠᠯ᠂ ᠡᠮ ᠡᠮᠨᠡᠯᠭᠡ᠂ ᠡᠮ ᠡᠮᠴᠢᠯᠡᠭᠡ ᠵᠢ ᠬᠣᠯᠪᠣᠭ᠋ᠠᠯᠠᠨ ᠳᠠᠢ᠌ᠴᠢᠯᠠᠵᠤ᠂ ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠤᠷᠢᠶ᠎ᠠ ᠵᠢᠨ ᠦᠷᠭᠦᠯᠵᠢᠯᠡᠨ ᠬᠥᠭᠵᠢᠬᠦ ᠵᠢ ᠠᠬᠢᠭᠤᠯᠵᠤ᠂ ᠡᠷᠡᠭᠦᠯ ᠮᠡᠨᠳᠦ ᠣᠷᠳᠣᠰ᠎ᠢ ᠴᠣᠭᠴᠠᠯᠠᠨ᠂ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠠᠢ᠌ᠭᠤᠯᠵᠤ᠂ ᠭᠡᠷᠡᠯ ᠰᠠᠴᠤᠷᠠᠩᠭᠤᠢ ᠣᠷᠳᠣᠰ ᠬᠣᠲᠠ ᠵᠢ ᠪᠠᠢ᠌ᠭᠤᠯᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ ᠵᠢ ᠦᠵᠡᠭᠦᠯᠣᠨ᠎ᠠ᠃
      ᠬᠥᠲᠥᠯᠦᠭᠴᠢ᠄
      ᠵᠠ ᠰᠠᠢ᠌ᠨ ᠪᠣᠯᠣᠯ᠎ᠠ᠂ ᠾᠧ ᠡᠷᠬᠢᠯᠡᠭᠴᠢ ᠵᠢᠨ ᠮᠠᠨ᠎ᠤ ᠰᠤᠷᠪᠤᠯᠵᠢᠯᠠᠭ᠎ᠠ ᠶᠠᠷᠢᠯᠴᠠᠭ᠎ᠠ ᠵᠢᠨ ᠪᠤᠯᠤᠩ᠎ᠳᠤ ᠰᠠᠭ᠋ᠠᠲᠠᠭᠰᠠᠨ᠎ᠳᠤ ᠳᠠᠬᠢᠨᠲᠠ ᠲᠠᠯᠠᠷᠬᠠᠯ᠎ᠠ᠂ ᠮᠥᠨᠴᠦ ᠰᠦᠯᠵᠢᠶᠡᠨ᠎ᠤ ᠠᠨᠳᠠ ᠨᠠᠷ᠎ᠤᠨ ᠬᠦᠯᠢᠶᠡᠨ ᠠᠪᠴᠤ ᠦᠵᠡᠭᠰᠡᠨ᠎ᠳᠤ   ᠲᠠᠯᠠᠷᠬᠠᠯ᠎ᠠ᠂ ᠲᠤᠰ ᠬᠤᠭᠤᠴᠠᠭ᠎ᠠ ᠵᠢᠨ ᠰᠤᠷᠪᠤᠯᠵᠢᠯᠠᠭ᠎ᠠ ᠶᠠᠷᠢᠯᠴᠠᠭ᠎ᠠ ᠡᠢ᠌ᠨᠬᠦ ᠦᠨᠳᠦᠷᠯᠡᠯ᠎ᠡ᠂ ᠳᠠᠷᠠᠭ᠋ᠠᠴᠢ ᠵᠢᠨ ᠳ᠋ᠤᠭ᠋ᠠᠷ᠎ᠲᠤ ᠪᠠᠶᠠᠷᠲᠠᠢ ᠵᠣᠯᠭ᠋ᠠᠶ᠎ᠠ!


      ᠣᠷᠳᠣᠰ ᠪᠦᠬᠦ ᠬᠣᠲᠠ ᠵᠢᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠢᠴᠢ ᠡᠷᠡᠭᠦᠯ ᠬᠠᠮᠠᠭ᠋ᠠᠯᠠᠯ᠎ᠤᠨ ᠠᠵᠢᠯ᠎ᠤᠨ ᠬᠤᠷᠠᠯ ᠬᠤᠷᠠᠯᠳᠤᠭᠤᠯᠪᠠ᠃


      ᠣᠷᠳᠣᠰ ᠪᠦᠬᠦ ᠬᠣᠲᠠ ᠵᠢᠨ ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠤᠷᠢᠶᠠᠨ᠎ᠤ ᠦᠭᠡᠷᠡᠴᠢᠯᠡᠯᠲᠡ ᠵᠢᠨ   ᠰᠠᠭᠤᠳᠠᠯ᠎ᠤᠨ ᠬᠤᠷᠠᠯ ᠬᠤᠷᠠᠯᠳᠤᠭᠤᠯᠪᠠ᠃




ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠲᠦᠩᠯᠢᠶᠣᠤ ᠬᠣᠲᠠ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠠᠲᠠᠭᠤ ᠲᠦᠰᠢᠭ ᠲᠤᠯᠭ᠋ᠠᠭᠤᠷᠢ ᠪᠣᠯᠭ᠋ᠠᠪᠠ
ᠤᠯᠠᠭ᠋ᠠᠨᠬᠠᠳᠠ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠨᠢ ᠤᠯᠠᠭ᠋ᠠᠨᠬᠠᠳᠠ 《ᠬᠠᠭᠤᠷᠠᠢ ᠭᠠᠷᠠᠮ》᠎ᠢ ᠪᠦᠲᠦᠭᠡᠨ ᠪᠠᠢ᠌ᠭᠤᠯᠪᠠ
ᠬᠦᠴᠤ ᠴᠢᠳᠠᠯ ᠵᠶ᠋ᠡᠨ ᠲᠤᠢ᠌ᠯ᠎ᠤᠨ ᠤᠨᠤᠴᠢᠲᠠᠢ ᠬᠡᠷᠡᠭᠯᠡᠵᠦ ᠠᠵᠢᠯ ᠤᠯᠭᠤᠬᠤ ᠢᠨᠵᠸᠨ᠋ᠸᠷᠢᠩ᠎ᠢ ᠬᠦᠨᠵᠡᠭᠡᠢ ᠠᠬᠢᠭᠤᠯᠤᠨ ᠠᠵᠢᠯ ᠤᠯᠭᠤᠬᠤ ᠬᠠᠷᠠᠯᠳᠠ ᠵᠢᠨ ᠡᠭᠦᠷᠭᠡ ᠵᠢ ᠪᠠᠳᠤᠯᠠᠨ ᠪᠡᠶᠡᠯᠡᠭᠦᠯᠤᠶ᠎ᠡ
ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ 15 ᠳ᠋ᠤᠭ᠋ᠠᠷ ᠲᠤᠭ᠋ᠠᠳᠤ ᠪᠢᠴᠢᠭ ᠮᠠᠲᠸᠷᠢᠶᠠᠯ᠎ᠤᠨ ᠵᠤᠷᠢᠭ ᠰᠠᠨᠠᠭ᠎ᠠ ᠵᠢ ᠬᠢᠨᠠᠮᠠᠭ᠋ᠠᠢ ᠲᠤᠤᠱᠯᠠᠭᠤᠯᠵᠦ ᠪᠦᠬᠦ ᠤᠷᠤᠨ᠎ᠤ ᠵᠠᠰᠠᠭ᠎ᠤᠨ ᠤᠷᠳᠤᠨ᠎ᠤ ᠰᠦᠯᠵᠢᠶ᠎ᠡ ᠵᠢᠨ ᠨᠡᠢ᠌ᠳᠡᠮ ᠪᠠᠢ᠌ᠴᠠᠭ᠋ᠠᠯᠳᠠ ᠵᠢᠨ ᠠᠵᠢᠯ᠎ᠢ ᠪᠦᠬᠦ ᠬᠦᠴᠤᠨ ᠵᠶ᠋ᠡᠷ ᠰᠠᠢ᠌ᠳᠤᠷ ᠬᠢᠶ᠎ᠡ
ᠬᠦᠴᠦ᠎ᠪᠠᠨ ᠲᠥᠪᠯᠡᠷᠡᠭᠦᠯᠦᠨ ᠰᠡᠳᠬᠢᠯ ᠵᠶ᠋ᠡᠨ ᠨᠢᠭᠲᠠᠷᠠᠭᠤᠯᠵᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠦᠨ ᠮᠠᠨ᠎ᠤ ᠣᠷᠣᠨ᠎ᠤ ᠥᠯᠥ ᠬᠥᠳᠡᠯᠬᠦ ᠬᠥᠷᠥᠩᠭᠡ ᠵᠢ ᠨᠢᠭᠡᠳᠦᠯᠲᠠᠢ ᠳᠠᠩᠰᠠᠯᠠᠨ ᠲᠡᠮᠳᠡᠭᠯᠡᠬᠦ ᠠᠵᠢᠯ᠎ᠢ ᠢᠳᠡᠪᠬᠢᠲᠠᠢ᠎ᠪᠠᠷ ᠳᠦᠯᠬᠢᠨ ᠠᠬᠢᠭᠤᠯᠤᠶ᠎ᠠ
 
            