
ᠰᠤᠷᠪᠤᠯᠵᠢᠯᠠᠨ ᠶᠠᠷᠢᠯᠴᠠᠭᠰᠠᠨ ᠴᠠᠭ᠄
2015 ᠣᠨ᠎ᠤ 11 ᠳ᠋ᠦ᠍ᠭᠡᠷ ᠰᠠᠷ᠎ᠠ ᠵᠢᠨ 17᠎ᠤ ᠡᠳᠦᠷ᠎ᠤᠨ ᠦᠳᠡ ᠵᠢᠨ ᠡᠮᠦᠨᠡᠬᠢ 10 ᠴᠠᠭ᠎ᠲᠤ
ᠰᠤᠷᠪᠤᠯᠵᠢᠯᠠᠭ᠎ᠠ ᠬᠦᠯᠢᠶᠡᠭᠰᠡᠨ ᠡᠷᠬᠢᠮ ᠵᠣᠴᠢᠳ᠄
ᠲᠦᠩᠯᠢᠶᠣᠤ ᠬᠣᠲᠠ ᠵᠢᠨ ᠰᠣᠶᠣᠯ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ᠎ᠤᠨ ᠲᠣᠪᠴᠢᠶᠠᠨ᠎ᠤ ᠳᠠᠷᠤᠭ᠎ᠠ ᠱᠧᠩ ᠴᠢᠨ
ᠰᠤᠷᠪᠤᠯᠵᠢᠯᠠᠨ ᠶᠠᠷᠢᠯᠴᠠᠭᠰᠠᠨ ᠲᠣᠪᠴᠢ ᠲᠠᠨᠢᠯᠴᠠᠭᠤᠯᠭ᠎ᠠ᠄
ᠲᠦᠩᠯᠢᠶᠣᠤ ᠬᠣᠲᠠ ᠵᠢᠨ ᠨᠠᠮ᠎ᠤᠨ ᠬᠣᠷᠢᠶ᠎ᠠ᠂ ᠬᠣᠲᠠ ᠵᠢᠨ ᠵᠠᠰᠠᠭ᠎ᠤᠨ ᠣᠷᠳᠣᠨ ᠠᠯᠢ ᠡᠷᠲᠡ᠎ᠠᠴᠠ ᠰᠣᠶᠣᠯ᠎ᠤᠨ ᠠᠵᠢᠯ᠎ᠢ ᠮᠠᠰᠢ ᠴᠢᠬᠤᠯᠠᠴᠢᠯᠠᠨ ᠦᠵᠡᠵᠦ᠂ 《ᠰᠣᠶᠣᠯ᠎ᠤᠨ ᠬᠦᠴᠦᠷᠬᠡᠭ ᠬᠤᠲᠠ ᠵᠢ ᠪᠠᠢ᠌ᠭᠤᠯᠬᠤ》 ᠬᠥᠭᠵᠢᠯᠲᠡ ᠵᠢᠨ ᠰᠡᠳᠬᠢᠮᠵᠢ ᠵᠢ ᠳᠤᠷᠠᠳᠪᠠ᠃ ᠬᠡᠳᠦᠨ ᠵᠢᠯ᠎ᠤᠨ ᠲᠤᠷᠰᠢ᠂ ᠲᠦᠩᠯᠢᠶᠣᠤ ᠪᠦᠬᠦ ᠬᠣᠲᠠ ᠵᠢᠨ ᠰᠣᠶᠣᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠠᠯᠬᠤᠮ ᠠᠯᠬᠤᠮ ᠵᠶ᠋ᠠᠷ ᠭᠦᠨᠵᠡᠭᠡᠢ᠌ᠷᠡᠨ᠂ ᠰᠣᠶᠣᠯ᠎ᠤᠨ ᠦᠢ᠍ᠯᠡᠰ ᠦᠷᠭᠦᠯᠵᠢᠯᠡᠨ ᠲᠦᠷᠭᠡᠨ ᠪᠥᠭᠡᠳ ᠡᠷᠡᠭᠦᠯ ᠵᠶ᠋ᠠᠷ ᠬᠦᠭᠵᠢᠵᠦ᠂ ᠤᠷᠠᠯᠢᠭ᠎ᠤᠨ ᠵᠣᠬᠢᠶᠠᠨ ᠪᠦᠲᠦᠭᠡᠯ ᠡᠯᠪᠡᠭ ᠪᠠᠶᠠᠯᠢᠭ ᠪᠣᠯᠵᠤ᠂ ᠤᠷᠠᠨ ᠰᠠᠶ᠋ᠢᠬᠠᠨ᠎ᠤ ᠲᠣᠭᠯᠠᠯᠲᠠ ᠪᠣᠯᠣᠨ ᠤᠯᠠᠨ ᠲᠦᠮᠡᠨᠴᠢ ᠰᠣᠶᠣᠯ᠎ᠤᠨ ᠠᠵᠢᠯᠯᠠᠭ᠎ᠠ ᠦᠷᠭᠦᠯᠵᠢᠯᠡᠨ ᠬᠥᠭᠵᠢᠶᠡᠨᠲᠡᠶ ᠶᠠᠪᠤᠭᠳᠠᠵᠤ᠂ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠰᠢᠨ᠎ᠡ ᠠᠬᠢᠴᠠ᠎ᠲᠠᠢ ᠪᠣᠯᠬᠤᠷ᠂ ᠰᠣᠶᠣᠯ᠎ᠤᠨ ᠠᠵᠤ ᠦᠢ᠍ᠯᠡᠰ ᠠᠩᠬ᠎ᠠ ᠠᠯᠬᠤᠮ ᠬᠡᠪᠴᠢᠶᠡᠵᠢᠵᠤ᠂ ᠠᠮᠢᠵᠢᠷᠠᠯ᠎ᠤᠨ ᠬᠦᠴᠦᠨ᠎ᠨᠢ ᠠᠯᠬᠤᠮ ᠠᠯᠬᠤᠮ ᠵᠶ᠋ᠠᠷ ᠨᠡᠮᠡᠭᠳᠡᠵᠦ᠂ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲ᠋ᠧᠮ ᠠᠩᠬ᠎ᠠ ᠠᠯᠬᠤᠮ ᠪᠠᠢ᠌ᠭᠤᠯᠤᠭᠳᠠᠵᠤ᠂ ᠠᠷᠠᠳ ᠤᠯᠠᠨ᠎ᠤ ᠰᠣᠶᠣᠯ᠎ᠤᠨ ᠵᠣᠯ ᠵᠢᠷᠭ᠋ᠠᠯ᠎ᠤᠨ ᠵᠢᠭ᠋ᠠᠯᠲᠠ ᠲᠣᠭ᠎ᠠ ᠢᠳᠡᠭ ᠢᠳᠡᠭ ᠵᠶ᠋ᠡᠷ ᠳᠡᠭᠡᠭᠰᠢᠯᠡᠪᠡ᠃ ᠲᠦᠩᠯᠢᠶᠣᠤ ᠬᠣᠲᠠ ᠵᠢᠨ ᠰᠣᠶᠣᠯ᠎ᠤᠨ ᠪᠠᠶ᠋ᠢᠭᠤᠯᠤᠯᠲᠠ ᠵᠢᠨ ᠲᠠᠯ᠎ᠠ᠎ᠪᠠᠷ᠎ᠬᠢ ᠬᠣᠯᠪᠣᠭᠳᠠᠯ ᠪᠦᠬᠦᠢ ᠪᠠᠶ᠋ᠢᠳᠠᠯ᠎ᠢ ᠨᠠᠷᠢᠨ ᠣᠢ᠌ᠯᠠᠭ᠋ᠠᠬᠤ ᠵᠢᠨ ᠲᠥᠯᠥᠭᠡ᠂ ᠣᠶ᠋ᠢᠷ᠎ᠠ᠎ᠳᠤ᠂ ᠪᠢᠳᠡ ᠲᠦᠩᠯᠢᠶᠣᠤ ᠬᠣᠲᠠ ᠵᠢᠨ ᠰᠣᠶᠣᠯ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ᠎ᠤᠨ ᠲᠣᠪᠴᠢᠶᠠᠨ᠎ᠤ ᠳᠠᠷᠤᠭ᠎ᠠ ᠱᠧᠩ ᠴᠢᠨᠢ ᠤᠷᠢᠵᠤ ᠥᠷᠭᠡᠨ ᠣᠯᠠᠨ ᠰᠦᠯᠵᠢᠶᠡᠨ ᠠᠨᠳᠠ ᠨᠠᠷ᠎ᠲᠠᠢ ᠰᠦᠯᠵᠢᠶᠡᠨ ᠳᠡᠭᠡᠷ᠎ᠡ ᠰᠠᠨᠠᠯ ᠵᠶ᠋ᠠᠨ ᠰᠣᠯᠢᠯᠴᠠᠭᠤᠯᠬᠤ᠎ᠪᠠᠷ ᠪᠠᠢ᠌ᠨ᠎ᠠ᠃ ᠲᠤᠬᠠᠶ ᠵᠢᠨ ᠦᠶ᠎ᠡ᠎ᠳᠤ᠂ ᠰᠦᠯᠵᠢᠶᠡᠨ ᠠᠨᠳᠠ ᠨᠠᠷ ᠮᠢᠨᠢ ᠢᠳᠡᠪᠬᠢᠲᠡᠶ ᠣᠷᠣᠯᠴᠠᠬᠤ ᠵᠢ ᠪᠠᠶᠠᠷᠯᠠᠨ ᠣᠭᠲᠤᠵᠤ ᠪᠠᠢ᠌ᠨ᠎ᠠ᠃
ᠬᠥᠲᠥᠯᠥᠭᠴᠢ᠄
ᠰᠦᠯᠵᠢᠶᠡᠨ ᠠᠨᠳᠠ ᠨᠠᠷ ᠡ ᠰᠠᠢ᠌ᠨ ᠪᠠᠢ᠌ᠵᠠᠭ᠋ᠠᠨ᠎ᠠ ᠤᠤ᠂ ᠲᠠ ᠪᠦᠬᠦᠨ ᠲᠤᠰ ᠬᠤᠭᠤᠴᠠᠭ᠋ᠠᠨ᠎ᠤ 《ᠳᠤᠮᠳᠠᠳᠤ ᠤᠯᠤᠰ· ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢ ᠬᠦᠯᠢᠶᠡᠨ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳᠡ ᠠᠵᠠ᠎ᠲᠠᠢ᠎ᠪᠠᠷ ᠲᠦᠩᠯᠢᠶᠣᠤ ᠬᠣᠲᠠ ᠵᠢᠨ ᠰᠣᠶᠣᠯ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ᠎ᠤᠨ ᠲᠣᠪᠴᠢᠶᠠᠨ᠎ᠤ ᠳᠠᠷᠤᠭ᠎ᠠ ᠱᠧᠩ ᠴᠢᠨᠢ ᠤᠷᠢᠵᠤ᠂ ᠲᠡᠷᠡ ᠲᠦᠩᠯᠢᠶᠣᠤ ᠬᠤᠳᠠ ᠵᠢᠨ ᠰᠣᠶᠣᠯ᠎ᠤᠨ ᠦᠢ᠍ᠯᠡᠰ ᠪᠣᠯᠣᠨ ᠰᠣᠶᠣᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠤᠨ ᠲᠠᠯ᠎ᠠ᠎ᠪᠠᠷ ᠲᠠ ᠪᠦᠬᠦᠨ᠎ᠲᠠᠢ ᠰᠦᠯᠵᠢᠶᠡᠨ ᠳᠡᠭᠡᠷ᠎ᠡ ᠰᠠᠨᠠᠯ ᠵᠶ᠋ᠠᠨ ᠰᠣᠯᠢᠯᠴᠠᠬᠤ ᠪᠣᠯᠣᠨ᠎ᠠ᠃ ᠱᠧᠩ ᠲᠣᠪᠴᠢᠶᠠᠨ ᠳᠠᠷᠤᠭ᠎ᠠ ᠡ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
ᠱᠧᠩ ᠴᠢᠨ᠄
ᠬᠥᠲᠥᠯᠥᠭᠴᠢ ᠰᠠᠶ᠋ᠢᠨ ᠪᠠᠢ᠌ᠨ᠎ᠠ ᠤᠤ᠂ ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨ᠎ᠠ ᠤᠤ! ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠫᠣᠷᠲᠸᠯ ᠰᠦᠯᠵᠢᠶ᠎ᠡ ᠵᠢᠨ ᠲᠠᠪᠴᠠᠩ ᠵᠶ᠋ᠠᠷ ᠳᠠᠮᠵᠢᠭᠤᠯᠤᠨ ᠲᠠ ᠪᠦᠬᠦᠨ᠎ᠲᠠᠢ ᠰᠦᠯᠵᠢᠶᠡᠨ ᠳᠡᠭᠡᠷ᠎ᠡ ᠰᠠᠨᠠᠯ ᠵᠶ᠋ᠡᠨ ᠰᠣᠯᠢᠯᠴᠠᠬᠤ ᠪᠣᠯᠣᠭᠰᠠᠨ᠎ᠳᠠᠭᠠᠨ ᠲᠤᠩ ᠪᠠᠶᠠᠷᠯᠠᠵᠤ ᠪᠠᠢ᠌ᠨ᠎ᠠ᠃ ᠰᠦᠯᠵᠢᠶᠡᠨ ᠠᠨᠳᠠ ᠨᠠᠷ ᠲᠦᠩᠯᠢᠶᠣᠤ ᠬᠤᠳᠠ ᠵᠢᠨ ᠰᠣᠶᠣᠯ᠎ᠤᠨ ᠦᠢ᠍ᠯᠡᠰ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ᠎ᠳᠤ ᠲᠠᠯᠠᠷᠬᠠᠵᠤ ᠪᠠᠢ᠌ᠨ᠎ᠠ!
ᠬᠥᠲᠥᠯᠥᠭᠴᠢ᠄
ᠱᠧᠩ ᠲᠣᠪᠴᠢᠶᠠᠨ ᠳᠠᠷᠤᠭ᠎ᠠ᠂ ᠮᠠᠨ᠎ᠤ ᠲᠦᠩᠯᠢᠶᠣᠤ ᠬᠤᠳᠠ ᠪᠣᠯ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ᠎ᠤᠨ ᠲᠡᠦᠭᠡ ᠵᠢᠨ ᠳᠤᠷᠠᠰᠬᠠᠯᠲᠤ ᠵᠦᠢ᠍ᠯᠡᠰ᠎ᠤᠨ ᠲᠤᠮᠤ ᠬᠤᠳᠠ ᠪᠣᠯᠣᠨ᠎ᠠ᠂ ᠲᠠ ᠪᠢᠳᠡᠨ᠎ᠳᠤ ᠳᠥᠭᠥᠮᠬᠡᠨ ᠲᠠᠨᠢᠯᠴᠠᠭᠤᠯᠤᠭ᠋ᠠᠳ ᠥᠭᠭᠦᠨ᠎ᠡ ᠤᠤ?
ᠱᠧᠩ ᠴᠢᠨ᠄
ᠲᠦᠩᠯᠢᠶᠣᠤ ᠬᠤᠳᠠ᠎ᠳᠤ ᠬᠤᠳᠠ ᠵᠢᠨ ᠳᠡᠰ᠎ᠠᠴᠠ ᠳᠡᠭᠡᠭᠰᠢᠬᠢ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠨᠢᠭᠡᠴᠡ ᠨᠡᠢ᠌ᠲᠡ 113 ᠪᠠᠢ᠌ᠨ᠎ᠠ᠂ ᠡᠭᠦᠨ᠎ᠳᠤ᠄ ᠺᠠᠢ᠌ᠯᠤ᠎ᠳᠠᠬᠢ ᠶᠤᠸᠠᠨ ᠤᠯᠤᠰ᠎ᠤᠨ ᠪᠤᠷᠬᠠᠨ᠎ᠤ ᠰᠤᠪᠤᠷᠭ᠎ᠠ᠂ ᠵᠢᠨ ᠤᠯᠤᠰ᠎ᠤᠨ ᠰᠤᠪᠠᠭ᠎ᠤᠨ ᠡᠷᠲᠡᠨ᠎ᠤ ᠪᠠᠭᠤᠷᠢ᠂ ᠲᠣᠭᠤᠯ᠎ᠵᠢᠨ ᠠᠭᠤᠯᠠ᠎ᠳᠠᠬᠢ ᠯᠢᠶᠣᠤ ᠤᠯᠤᠰ᠎ᠤᠨ ᠡᠷᠲᠡᠨ᠎ᠤ ᠣᠩᠭᠤᠨ᠂ ᠬᠦᠷᠢᠶ᠎ᠡ ᠬᠣᠰᠢᠭᠤᠨ᠎ᠤ ᠭᠤᠷᠪᠠᠨ ᠶᠡᠬᠡ ᠰᠦᠮ᠎ᠡ ᠵᠡᠷᠭᠡ ᠤᠯᠤᠰ᠎ᠤᠨ ᠲᠡᠰ᠎ᠤᠨ ᠭᠣᠣᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠨᠢᠭᠡᠴᠡ14᠂ ᠰᠢᠶᠤᠤ ᠫᠤᠤ ᠽᠢ ᠪᠠᠭᠤᠷᠢ᠂ ᠱᠣᠩᠬᠣᠷ ᠴᠠᠭ᠋ᠠᠨ ᠰᠤᠪᠤᠷᠭ᠎ᠠ᠂ ᠣᠶᠣᠨ ᠲᠡᠭᠦᠯᠳᠡᠷ ᠰᠦᠮ᠎ᠡ ᠵᠡᠷᠭᠡ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠭᠣᠣᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠨᠢᠭᠡᠴᠡ47᠂ ᠪᠤᠤ ᠯᠦᠩ ᠱᠠᠨ᠎ᠤ ᠡᠷᠲᠡᠨ᠎ᠤ ᠪᠠᠭᠤᠷᠢ᠂ ᠴᠣᠷᠵᠢ ᠰᠦᠮ᠎ᠡ᠂ ᠡᠮᠦᠨ᠎ᠡ ᠰᠠᠯᠠᠭ᠎ᠠ ᠵᠢᠨ ᠪᠠᠷᠠᠭᠤᠨ ᠪᠠᠭᠤᠷᠢ ᠵᠡᠷᠭᠡ 52 ᠭᠠᠵᠠᠷ ᠪᠠᠭᠲᠠᠨ᠎ᠠ᠃ ᠪᠦᠬᠦ ᠬᠣᠲᠠ᠎ᠳᠤ ᠡᠯ᠎ᠡ ᠲᠥᠷᠥᠯ᠎ᠤᠨ ᠮᠦᠽᠧᠶ 40 ᠪᠠᠶ᠋ᠢᠵᠤ᠂ ᠮᠦᠽᠧᠶ᠎ᠳᠤ ᠬᠠᠳᠠᠭ᠋ᠠᠯᠠᠵᠤ ᠪᠠᠶ᠋ᠢᠭ᠎ᠠ ᠡᠯ᠎ᠡ ᠵᠦᠢ᠍ᠯ᠎ᠤᠨ ᠲᠡᠦᠭᠡ ᠵᠢᠨ ᠳᠤᠷᠠᠰᠬᠠᠯᠲᠤ ᠵᠦᠢ᠍ᠯᠡᠰ 2 ᠲᠦᠮᠡᠨ ᠵᠦᠢ᠍ᠯ (ᠳᠤᠭᠤᠶ᠋ᠢᠯᠠᠩ)᠂ ᠡᠯ᠎ᠡ ᠲᠥᠷᠥᠯ᠎ᠤᠨ ᠰᠢᠯᠵᠢᠭᠦᠯᠵᠦ ᠪᠣᠯᠤᠰᠢ ᠤᠢ᠍ᠭᠡᠢ ᠲᠡᠦᠬᠡ ᠵᠢᠨ ᠳᠤᠷᠠᠰᠬᠠᠯᠲᠤ ᠵᠦᠢ᠍ᠯᠡᠰ 2492 ᠭᠠᠵᠠᠷ ᠪᠤᠢ᠃ ᠲᠤᠭᠤᠯᠵᠢᠨ ᠠᠭᠤᠯᠠ᠎ᠳᠠᠬᠢ ᠯᠢᠶᠤᠤ ᠤᠯᠤᠰ᠎ᠤᠨ ᠢᠵᠠᠭᠤᠷᠲᠠᠳ᠎ᠤᠨ ᠣᠩᠭᠣᠨ ᠪᠠ ᠴᠢᠩ ᠯᠦᠩ ᠱᠠᠨ ᠠᠭᠤᠯᠠ᠎ᠳᠠᠬᠢ ᠯᠢᠶᠣᠣ ᠣᠯᠣᠰ᠎ᠤᠨ ᠴᠧᠨ ᠭᠦᠸᠸ ᠭᠦᠩᠵᠦ ᠪᠣᠯᠤᠨ ᠡᠹᠦ᠋ ᠵᠢᠨ ᠬᠠᠮᠲᠤ ᠣᠷᠣᠰᠢᠭᠤᠯᠤᠭᠰᠠᠨ ᠣᠩᠭᠤᠨ᠎ᠨᠢ ᠤᠷᠢᠳ ᠬᠣᠵᠢᠳ ᠪᠦᠬᠦ ᠤᠯᠤᠰ᠎ᠤᠨ ᠬᠠᠭᠤᠴᠢ ᠰᠤᠳᠤᠯᠤᠯ᠎ᠤᠨ ᠠᠷᠪᠠᠨ ᠶᠡᠬᠡ ᠢᠯᠡᠷᠡᠭᠦᠯᠦᠯᠲᠡ᠎ᠳᠤ ᠣᠷᠣᠵᠤ᠂ ᠬᠠᠮᠢᠨ ᠮᠠᠩᠬᠠᠨ᠎ᠤ ᠡᠷᠲᠡᠨ᠎ᠤ ᠪᠠᠭᠤᠷᠢ᠎ᠨᠢ 2011 ᠣᠨ᠎ᠤ ᠳᠤᠮᠳᠠᠳᠤ ᠤᠯᠤᠰ᠎ᠤᠨ ᠬᠠᠭᠤᠴᠢ ᠰᠤᠳᠤᠯᠤᠯ᠎ᠤᠨ ᠵᠢᠷᠭᠤᠭ᠋ᠠᠨ ᠶᠡᠬᠡ ᠰᠢᠨ᠎ᠡ ᠢᠯᠡᠷᠡᠭᠦᠯᠦᠯᠲᠡ ᠵᠢᠨ ᠨᠢᠭᠡ᠎ᠪᠠᠷ ᠦᠨᠡᠯᠡᠭᠳᠡᠵᠦ᠂ ᠡᠮᠦᠨᠡᠲᠦ ᠪᠤᠯᠠᠩᠲᠤ ᠵᠢᠨ ᠡᠷᠲᠡᠨ᠎ᠤ ᠣᠨᠭ᠌ᠭᠣᠨᠤ ᠰᠦᠷᠦᠭ᠎ᠨᠢ 2007 ᠣᠨ᠎ᠳᠤ ᠳᠤᠮᠳᠠᠳᠤ ᠤᠯᠤᠰ᠎ᠤᠨ ᠬᠠᠭᠤᠴᠢ ᠰᠤᠳᠤᠯᠤᠯ᠎ᠤᠨ ᠵᠢᠷᠭᠤᠭ᠋ᠠᠨ ᠶᠡᠬᠡ ᠰᠢᠨ᠎ᠡ ᠢᠯᠡᠷᠡᠭᠦᠯᠦᠯᠲᠡ᠎ᠳᠤ ᠰᠤᠩᠭᠤᠭᠳᠠᠪᠠ᠃
ᠮᠠᠨ᠎ᠤ ᠬᠤᠳᠠ᠎ᠳᠤ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ 13 ᠵᠦᠢ᠍ᠯ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ 35 ᠵᠦᠢ᠍ᠯ᠂ ᠬᠣᠲᠠ ᠵᠢᠨ ᠳᠡᠰ᠎ᠤᠨ 83 ᠵᠦᠢ᠍ᠯ᠂ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠭᠴᠢ 9 ᠬᠥᠮᠦᠨ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ 55 ᠬᠥᠮᠦᠨ᠂ ᠬᠣᠲᠠ ᠵᠢᠨ ᠳᠡᠰ᠎ᠤᠨ 144 ᠬᠥᠮᠦᠨ ᠪᠠᠢ᠌ᠨ᠎ᠠ᠃ ᠣᠳᠣᠬᠠᠨ᠎ᠳᠤ᠂ ᠲᠦᠩᠯᠢᠶᠣᠤ ᠬᠣᠲᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠲᠥᠪ ᠪᠠᠢ᠌ᠭᠤᠯᠤᠭᠳᠠᠵᠤ᠂ ᠮᠠᠨ᠎ᠤ ᠬᠣᠲᠠ ᠵᠢᠨ 《ᠪᠣᠳᠠᠰ᠎ᠤᠨ ᠪᠤᠰᠤ ᠰᠣᠶᠣᠯ᠎ᠤᠨ ᠥᠪ》᠎ᠢ ᠬᠠᠮᠠᠭ᠋ᠠᠯᠠᠬᠤ᠂ ᠰᠤᠳᠤᠯᠬᠤ ᠲᠤᠰᠬᠠᠢ ᠪᠠᠶ᠋ᠢᠭᠤᠯᠤᠮᠵᠢ ᠪᠣᠯᠪᠠ᠃ ᠪᠦᠬᠦ ᠬᠣᠲᠠ ᠵᠢᠨ ᠡᠯ᠎ᠡ ᠱᠠᠲᠤᠨ᠎ᠤ ᠰᠣᠶᠣᠯ᠎ᠤᠨ ᠣᠷᠳᠣᠨ ᠠᠲᠠᠷ ᠬᠡᠭᠡᠷ᠎ᠡ ᠵᠢᠨ ᠪᠠᠢ᠌ᠴᠠᠭ᠋ᠠᠯᠲᠠ ᠵᠢ ᠥᠷᠭᠡᠨ ᠵᠶ᠋ᠡᠷ ᠦᠷᠨᠢᠭᠦᠯᠵᠦ᠂ ᠬᠠᠷᠢᠶ᠎ᠠ ᠲᠣᠭᠤᠷᠢᠭ᠎ᠤᠨ ᠲᠣᠲᠤᠷᠠᠬᠢ ᠡᠯ᠎ᠡ ᠳᠡᠰ᠎ᠤᠨ ᠨᠡᠷᠡᠰ᠎ᠤᠨ ᠵᠢᠭᠰᠠᠭ᠋ᠠᠯᠲᠠ ᠵᠢᠨ ᠲᠠᠷᠬᠠᠯᠲᠠ ᠵᠢᠨ ᠰᠦᠪᠡᠭᠴᠢ ᠵᠢ ᠲᠣᠳᠣᠷᠬᠠᠶ ᠣᠶ᠋ᠢᠯᠠᠭ᠋ᠠᠵᠤ᠂ ᠮᠠᠨ᠎ᠤ ᠬᠣᠲᠠ ᠵᠢᠨ ᠬᠣᠷᠴᠢᠨ ᠣᠷᠳᠣ ᠳᠠᠭᠤᠯᠠᠯ᠂ ᠴᠤᠭᠤᠷ ᠬᠥᠭᠵᠢᠮ᠂ ᠬᠣᠷᠴᠢᠨ ᠦᠯᠢᠭᠡᠷᠲᠦ ᠠᠷᠠᠳ᠎ᠤᠨ ᠳᠠᠭᠤᠤ ᠵᠡᠷᠭᠡ ᠤᠰᠠᠳᠬᠤ ᠰᠢᠬᠠᠭᠰᠠᠨ ᠲᠥᠷᠥᠯ ᠵᠦᠢ᠍ᠯ᠎ᠢ ᠠᠭᠤᠳᠠᠯᠤᠨ ᠡᠮᠬᠢᠳᠬᠡᠵᠦ᠂ ᠲᠥᠷᠥᠯ ᠵᠦᠢ᠍ᠯ᠎ᠤᠨ ᠤᠯᠠᠮᠵᠢᠯᠠᠨ ᠵᠠᠯᠭ᠋ᠠᠮᠵᠢᠯᠠᠭᠴᠢ ᠪᠣᠯᠣᠨ ᠤᠷᠠᠯᠢᠭᠴᠢᠳ᠎ᠲᠤ ᠢᠵᠠᠭᠤᠷ ᠲᠡᠭᠤ ᠵᠢᠨ ᠰᠢᠩᠭᠡᠭᠡᠯᠲᠡ ᠬᠢᠵᠦ᠂ ᠴᠤᠭᠯᠠᠭᠤᠯᠬᠤ᠂ ᠲᠡᠮᠳᠡᠭᠯᠡᠬᠦ᠂ ᠲᠥᠷᠥᠯ ᠬᠣᠪᠢᠶᠠᠬᠤ᠂ ᠭᠠᠷᠴᠠᠭ ᠵᠣᠬᠢᠶᠠᠬᠤ ᠵᠡᠷᠭᠡ ᠠᠷᠭ᠎ᠠ᠎ᠪᠠᠷ ᠳᠠᠮᠵᠢᠭᠤᠯᠤᠨ᠂ ᠡᠯ᠎ᠡ ᠳᠡᠰ᠎ᠤᠨ ᠨᠡᠷᠡᠰ᠎ᠤᠨ ᠵᠢᠭᠰᠠᠭ᠋ᠠᠯᠲᠠ ᠪᠣᠯᠣᠨ ᠤᠯᠠᠮᠵᠢᠯᠠᠨ ᠵᠠᠯᠭ᠋ᠠᠮᠵᠢᠯᠠᠭᠴᠢ ᠳᠤ ᠲᠡᠨᠭᠰᠡ ᠡᠪᠬᠡᠮᠡᠯ ᠪᠠᠶ᠋ᠢᠭᠤᠯᠵᠤ᠂ ᠪᠦᠬᠦ ᠬᠣᠲᠠ ᠵᠢᠨ 《ᠰᠣᠶᠣᠯ᠎ᠤᠨ ᠪᠤᠰᠤ ᠥᠪ》 ᠤᠨ ᠳ᠋ᠠᠶ᠋ᠢᠲ᠋ᠠ ᠬᠥᠮᠥᠷᠭᠡ ᠵᠢ ᠪᠠᠢ᠌ᠭᠤᠯᠬᠤ᠎ᠳᠤ ᠰᠠᠭᠤᠷᠢ ᠠᠵᠢᠯ᠎ᠢ ᠰᠠᠢ᠌ᠲᠤᠷ ᠬᠢᠵᠦ ᠥᠭᠪᠡ᠃
ᠬᠥᠲᠥᠯᠥᠭᠴᠢ᠄
ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠬᠡᠷᠬᠢᠨ ᠳᠡᠭᠡᠭᠰᠢᠯᠡᠭᠦᠯᠬᠦ ᠪᠤᠢ? ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠤᠱᠯᠠᠭᠤᠯᠤᠭᠰᠠᠨ᠎ᠠᠴᠠ ᠨᠠᠰᠢ᠂ ᠬᠤᠳᠠ ᠵᠢᠨ ᠰᠣᠶᠣᠯ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ᠎ᠤᠨ ᠲᠣᠪᠴᠢᠶ᠎ᠠ᠎ᠨᠢ ᠶᠠᠮᠠᠷ ᠶᠠᠮᠠᠷ ᠠᠵᠢᠯ ᠥᠷᠨᠢᠭᠦᠯᠵᠦ᠂ ᠶᠠᠮᠠᠷ ᠦᠷ᠎ᠡ ᠪᠦᠲᠦᠮᠵᠢ ᠣᠯᠤᠭᠰᠠᠨ ᠪᠤᠢ?
ᠱᠧᠩ ᠴᠢᠨ᠄
ᠮᠠᠨ᠎ᠤ ᠬᠤᠳᠠ ᠵᠢᠨ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠳᠡᠭᠡᠭᠰᠢᠯᠡᠭᠦᠯᠬᠦ ᠵᠢᠨ ᠲᠥᠯᠥᠭᠡ᠂ ᠪᠢᠳᠠ 《ᠵᠢᠷᠭᠤᠭ᠋ᠠᠨ ᠶᠡᠬᠡ ᠢᠨᠵᠧᠨᠧᠷᠢᠩ》᠎ᠢ ᠬᠡᠷᠡᠭᠵᠢᠭᠦᠯᠵᠦ᠂ ᠴᠥᠮ ᠨᠡᠯᠢᠶᠡᠳ ᠰᠠᠢ᠍ᠢ᠍ᠨ ᠦᠷ᠎ᠡ ᠪᠦᠲᠦᠮᠵᠢ ᠣᠯᠤᠭᠰᠠᠨ ᠪᠠᠶ᠋ᠢᠨ᠎ᠠ᠃
ᠨᠢᠭᠡ᠎ᠳᠤ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠎ᠢ ᠬᠡᠷᠡᠭᠵᠢᠭᠦᠯᠪᠡ᠃ ᠪᠦᠬᠦ ᠬᠣᠲᠠ ᠵᠢᠨ 9 ᠲᠤᠰᠬᠠᠶ ᠮᠡᠷᠭᠡᠵᠢᠯ᠎ᠤᠨ ᠲᠣᠭᠯᠠᠯᠲᠠ ᠵᠢᠨ ᠪᠦᠯᠬᠦᠮ ᠪᠣᠯᠣᠨ 586 ᠠᠵᠢᠯ᠎ᠤᠨ ᠴᠢᠯᠥᠭᠡᠨ᠎ᠤ ᠵᠦᠴᠦᠭᠡ ᠵᠢᠨ ᠪᠦᠯᠬᠦᠮ ᠵᠢᠯ ᠪᠦᠷᠢ ᠦᠨᠳᠦᠰᠦᠨ ᠱᠠᠲᠤᠨ᠎ᠳᠤ 4500 ᠭᠠᠷᠤᠢ ᠲᠠᠯᠠᠪᠤᠷ ᠲᠣᠭᠯᠠᠯᠲᠠ ᠭᠠᠷᠭ᠋ᠠᠵᠤ᠂ ᠭᠠᠴᠠᠭ᠎ᠠ ᠲᠣᠰᠬᠣᠨ ᠨᠢᠭᠡᠪᠦᠷᠢ᠎ᠳᠤ ᠵᠢᠯ ᠪᠦᠷᠢ 2 ᠲᠠᠯᠠᠪᠤᠷ ᠲᠣᠭᠯᠠᠯᠲᠠ ᠦᠵᠡᠭᠦᠯᠬᠦ ᠵᠢ ᠪᠠᠲᠤᠯᠠᠭᠰᠠᠨ ᠪᠠᠢ᠌ᠨ᠎ᠠ; 《ᠠᠷᠪᠠ ᠵᠢ ᠪᠦᠷᠢᠨ ᠪᠦᠷᠬᠦᠬᠦᠯᠬᠦ》 ᠢᠨᠵᠧᠨᠧᠷᠢᠩ᠎ᠤᠨ ᠰᠣᠶᠣᠯ᠎ᠤᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠢᠨᠠᠮᠠᠭ᠋ᠠᠢ ᠬᠡᠷᠡᠭᠵᠢᠭᠦᠯᠦᠭᠰᠡᠨ ᠪᠥᠭᠡᠳ 700 ᠭᠠᠴᠠᠭ᠋ᠠᠨ᠎ᠤ ᠲᠠᠯ᠎ᠠ ᠨᠤᠲᠤᠭ᠎ᠤᠨ ᠨᠣᠮ ᠦᠷᠦᠬᠡ᠂ ᠨᠠᠮ᠎ᠤᠨ ᠭᠡᠰᠢᠭᠦᠨ ᠺᠠᠳ᠋ᠷᠴᠤᠳ᠎ᠤᠨ ᠤᠳᠤ ᠦᠶ᠎ᠡ ᠵᠢᠨ ᠠᠯᠤᠰ᠎ᠠᠴᠠ ᠡᠵᠡᠮᠳᠡᠨ ᠵᠢᠭ᠋ᠠᠬᠤ ᠰᠤᠷᠭ᠋ᠠᠨ ᠬᠥᠮᠦᠵᠢᠯ᠎ᠤᠨ ᠠᠵᠢᠯᠯᠠᠭ᠎ᠠ ᠵᠢᠨ ᠲᠠᠰᠤᠭ ᠪᠣᠯᠤᠨ ᠣᠳᠣ ᠪᠠᠢ᠌ᠭ᠎ᠠ ᠰᠣᠶᠣᠯ᠎ᠤᠨ ᠠᠵᠢᠯᠯᠠᠭ᠋ᠠᠨ᠎ᠤ ᠲᠡᠰᠤᠬᠢ ᠡᠮᠬᠢᠯᠡᠨ ᠨᠡᠶ᠋ᠢᠯᠡᠭᠦᠯᠵᠦ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠵᠢ ᠪᠡᠶᠡᠯᠡᠭᠦᠯᠵᠦ᠂ ᠰᠣᠶᠣᠯ᠎ᠤᠨ ᠶᠡᠷᠦᠩᠬᠡᠶ᠋ᠢᠯᠡᠭᠰᠡᠨ ᠠᠵᠢᠯᠯᠠᠭ᠋ᠠᠨ᠎ᠤ ᠲᠥᠪ᠎ᠤᠨ ᠪᠥᠳᠥᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠪᠠ; ᠵᠢᠯ ᠪᠦᠷᠢ ᠠᠷᠠᠳ᠎ᠤᠨ ᠵᠦᠴᠦᠭᠡ ᠵᠢᠨ ᠪᠦᠯᠬᠦᠮ100 ᠵᠢ ᠰᠢᠨ᠎ᠡ᠎ᠪᠠᠷ ᠪᠠᠢ᠌ᠭᠤᠯᠵᠤ᠂ ᠭᠠᠴᠠᠭ᠎ᠠ ᠪᠦᠷᠢ᠎ᠳᠤ ᠴᠥᠮ ᠪᠠᠭ᠎ᠠ ᠵᠦᠴᠦᠭᠡ ᠵᠢᠨ ᠪᠦᠯᠬᠦᠮ᠎ᠲᠠᠢ ᠪᠠᠢ᠌ᠬᠤ ᠵᠢ ᠪᠡᠶᠡᠯᠡᠭᠦᠯᠪᠡ; ᠬᠣᠰᠢᠭᠤ ᠰᠢᠶᠠᠨ᠎ᠤ ᠱᠠᠲᠤᠨ᠎ᠤ ᠰᠣᠶᠣᠯ᠎ᠤᠨ ᠰᠠᠭᠤᠷᠢ ᠪᠡᠯᠡᠳᠬᠡᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠤᠮᠤ ᠪᠠᠯᠭ᠋ᠠᠰᠤ ᠵᠢᠨ ᠰᠣᠶᠣᠯ᠎ᠤᠨ ᠦᠷᠳᠡᠭᠡ᠂ ᠭᠠᠴᠠᠭ᠋ᠠᠨ᠎ᠤ ᠰᠣᠶᠣᠯ᠎ᠤᠨ ᠦᠷᠦᠭᠡ ᠵᠢᠨ ᠴᠢᠨᠠᠷ᠎ᠢ ᠳᠡᠭᠡᠭᠰᠢᠯᠡᠭᠦᠯᠦᠨ ᠰᠢᠯᠢᠳᠡᠭᠵᠢᠭᠦᠯᠬᠦ ᠵᠢ ᠪᠡᠶᠡᠯᠡᠭᠦᠯᠪᠡ; ᠮᠦᠽᠧᠶ᠂ ᠳᠤᠷᠠᠰᠬᠠᠯ᠎ᠤᠨ ᠣᠷᠳᠣᠨ ᠪᠣᠯᠤᠨ ᠡᠬᠡ ᠣᠷᠣᠨᠴᠢ ᠦᠵᠡᠯ᠎ᠤᠨ ᠬᠥᠮᠦᠵᠢᠯ᠎ᠤᠨ ᠰᠠᠭᠤᠷᠢᠨ ᠭᠠᠵᠠᠷ᠂ ᠤᠯᠠᠨ ᠲᠦᠮᠡᠨ᠎ᠤ ᠤᠷᠠᠯᠢᠭ ᠤᠨ ᠣᠷᠳᠣᠨ᠂ ᠨᠣᠮ᠎ᠤᠨ ᠰᠠᠩ᠂ ᠰᠣᠶᠣᠯ᠎ᠤᠨ ᠣᠷᠳᠣᠨ᠎ᠢ ᠰᠦᠢ᠍ᠳᠬᠡᠯ ᠬᠤᠷᠢᠶᠠᠬᠤ ᠣᠢ᠍ᠭᠡᠢ᠎ᠪᠠᠷ ᠨᠡᠭᠡᠭᠡᠯᠲᠡ ᠬᠢᠬᠦ ᠢᠨᠵᠧᠨᠧᠷᠢᠩ᠎ᠢ ᠥᠷᠭᠦᠯᠵᠢᠯᠡᠨ ᠬᠡᠷᠡᠭᠵᠢᠭᠦᠯᠵᠦ᠂ ᠰᠦᠢ᠍ᠳᠬᠡᠯ ᠬᠤᠷᠢᠶᠠᠬᠤ ᠦᠭᠡᠢ᠎ᠪᠠᠷ ᠪᠣᠯᠪᠠᠰᠤᠷᠠᠭᠤᠯᠬᠤ᠂ ᠳᠡᠯᠭᠡᠨ ᠦᠵᠡᠭᠦᠯᠬᠦ᠂ ᠬᠠᠪᠰᠤᠷᠤᠨ ᠵᠢᠯᠣᠭᠤᠳᠬᠤ ᠪᠣᠯᠭ᠋ᠠᠪᠠ᠃
ᠬᠣᠶᠠᠷ᠎ᠲᠤ ᠰᠣᠶᠣᠯ ᠤᠷᠠᠯᠢᠭ᠎ᠤᠨ ᠵᠣᠬᠢᠶᠠᠨ ᠪᠦᠲᠦᠭᠡᠬᠦ ᠢᠨᠵᠧᠨᠧᠷᠢᠩ᠎ᠢ ᠬᠡᠷᠡᠭᠵᠢᠭᠦᠯᠪᠡ᠃ ᠬᠦᠭᠵᠢᠮ ᠪᠦᠵᠢᠭᠲᠦ ᠰᠢᠯᠦᠭ 《ᠮᠣᠩᠭᠤᠯ ᠵᠠᠩ》 ᠂ 《ᠴᠡᠩᠬᠡᠷ ᠠᠨᠳᠠᠶ》᠂ ᠪᠥᠵᠢᠭᠲᠦ ᠵᠦᠴᠦᠭᠡ 《ᠲᠩᠷᠢ ᠵᠢᠨ ᠰᠠᠯᠬᠢ》᠂ 《ᠨᠤᠭᠤᠨᠵᠢᠶᠠᠭ᠎ᠠ》᠂ ᠪᠣᠳᠠᠲᠤ ᠲᠡᠮᠳᠡᠭᠯᠡᠯ᠎ᠤᠨ ᠶᠠᠷᠢᠶᠠᠲᠤ ᠵᠦᠴᠦᠭᠡ 《ᠠᠬᠠᠮᠠᠳ ᠪᠠᠶ᠋ᠢᠯᠳᠤᠭᠴᠢ ᠷᠧᠨ ᠮᠢᠩ ᠳ᠋ᠧ》 ᠵᠢ ᠵᠣᠬᠢᠶᠠᠨ ᠪᠦᠲᠦᠭᠡᠵᠦ᠂ 《ᠬᠣᠷᠴᠢᠨ ᠦᠯᠢᠭᠡᠷᠲᠦ ᠠᠷᠠᠳ᠎ᠤᠨ ᠳᠠᠭᠤᠤ》᠂ 《ᠡᠦ ᠶᠦᠨ ᠯᠦᠩ᠎ᠤᠨ ᠳᠥᠷᠪᠡᠨ ᠤᠲᠠᠰᠤᠲᠤ ᠬᠤᠭᠤᠷ᠎ᠤᠨ110 ᠠᠶᠠᠯᠭᠤ》᠎ᠢ ᠨᠠᠢ᠌ᠷᠠᠭᠤᠯᠤᠨ ᠡᠮᠬᠢᠯᠡᠵᠦ ᠬᠡᠪᠯᠡᠪᠡ; ᠵᠢᠭᠤᠯᠴᠢᠯᠠᠯ᠎ᠤᠨ ᠦᠵᠡᠮᠵᠢᠲᠦ ᠣᠷᠣᠨ᠎ᠳᠤ ᠲᠣᠭᠯᠠᠯᠲᠠ ᠭᠠᠷᠭ᠋ᠠᠬᠤ᠎ᠳᠤ ᠳᠣᠬᠢᠷᠠᠭᠰᠠᠨ ᠦᠨᠳᠦᠰᠦᠲᠡᠨ᠎ᠤ ᠰᠣᠶᠣᠯ᠎ᠤᠨ ᠣᠨᠴᠠᠯᠢᠭ ᠪᠣᠯᠣᠨ ᠠᠷᠠᠳ᠎ᠤᠨ ᠲᠡᠦᠬᠡᠲᠦ ᠵᠠᠩ ᠦᠢ᠍ᠯᠡ ᠠᠷᠠᠨᠰᠢᠨ᠎ᠲᠠᠢ ᠲᠣᠭᠯᠠᠯᠲᠠ (ᠵᠦᠴᠦᠭᠡ) ᠵᠢ ᠵᠣᠬᠢᠶᠠᠨ ᠪᠦᠲᠦᠭᠡᠪᠡ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ᠎ᠤ 《ᠲᠠᠪᠤᠨ ᠨᠢᠭᠡ ᠵᠢᠨ ᠢᠨᠵᠧᠨᠧᠷᠢᠩ》᠎ᠤᠨ ᠱᠠᠩᠨᠠᠯᠲᠤ ᠠᠵᠢᠯᠯᠠᠭ᠎ᠠ᠎ᠳᠤ᠂ ᠪᠥᠵᠢᠭ 《ᠬᠣᠷᠴᠢᠨ ᠬᠡᠦᠬᠡᠨ》᠂ ᠳᠠᠭᠤᠤ 《ᠪᠠᠷᠠᠯᠠᠯ ᠲᠤᠰᠠᠯᠠᠯ》᠂ ᠨᠣᠮ ᠪᠢᠴᠢᠭ 《ᠬᠦᠷᠢᠶ᠎ᠡ ᠵᠢᠨ ᠲᠡᠦᠬᠡ ᠰᠣᠶᠣᠯ᠎ᠤᠨ ᠰᠤᠳᠤᠯᠤᠯ》᠂ 《ᠲᠩᠷᠢ ᠵᠢᠨ ᠬᠠᠶᠠᠭ᠋ᠠᠨᠳᠠᠬᠢ ᠪᠦᠷᠲᠦᠯᠵᠡᠬᠦ ᠪᠠᠷ᠎ᠠ》 ᠱᠠᠩᠨᠠᠯ ᠭᠥᠷᠳᠡᠪᠡ᠃
ᠱᠧᠩ ᠴᠢᠨ᠄
ᠭᠤᠷᠪᠠ᠎ᠳᠤ ᠰᠣᠶᠣᠯ᠎ᠤᠨ ᠥᠪ᠎ᠢ ᠬᠠᠮᠠᠭ᠋ᠠᠯᠠᠬᠤ ᠢᠨᠵᠧᠨᠧᠷᠢᠩ᠎ᠢ ᠬᠡᠷᠡᠭᠵᠢᠭᠦᠯᠪᠡ᠃ ᠠᠩᠬᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠰᠢᠯᠵᠢᠭᠦᠯᠵᠦ ᠪᠣᠯᠬᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠨᠡᠶ᠋ᠢᠳᠡᠮ ᠪᠠᠶ᠋ᠢᠴᠠᠭ᠋ᠠᠯᠲᠠ ᠵᠢ ᠨᠠᠷᠢᠨ ᠬᠢᠨᠠᠮᠠᠭ᠋ᠠᠶ ᠬᠡᠷᠡᠭᠵᠢᠭᠦᠯᠵᠦ᠂ ᠮᠡᠳᠡᠭᠡ ᠵᠠᠩᠭᠢ ᠴᠤᠭᠯᠠᠭᠤᠯᠬᠤ ᠵᠢ ᠪᠡᠶᠡᠯᠡᠭᠦᠯᠪᠡ; ᠣᠨᠴᠠᠯᠢᠭ ᠪᠦᠬᠦᠢ ᠲᠤᠰᠬᠠᠶ ᠰᠡᠳᠦᠪᠲᠦ 12 ᠮᠦᠽᠧᠶ ᠪᠠᠶ᠋ᠢᠭᠤᠯᠬᠤ ᠵᠢ ᠢᠳᠡᠪᠬᠢᠲᠡᠶ ᠪᠡᠯᠡᠳᠬᠡᠪᠡ; ᠰᠡᠩᠭᠡᠷᠢᠨᠴᠢᠨᠤ ᠸᠠᠩ᠎ᠤᠨ ᠣᠷᠳᠣᠨ᠎ᠢ ᠵᠠᠰᠠᠨ ᠰᠡᠷᠭᠦᠭᠡᠬᠦ ᠪᠠᠷᠢᠯᠭ᠎ᠠ ᠵᠢ ᠬᠡᠪ᠎ᠤᠨ ᠶᠣᠰᠣᠭ᠋ᠠᠷ ᠠᠬᠢᠭᠤᠯᠵᠤ᠂ 4000 ᠲᠦᠮᠡᠨ ᠲᠥᠭᠥᠷᠢᠭ᠎ᠤᠨ ᠪᠡᠯᠡ ᠣᠷᠣᠭᠤᠯᠵᠤ᠂ ᠬᠥᠷᠰᠢ ᠵᠡᠷᠭᠡᠯᠡᠳᠡᠭᠡ ᠠᠶ᠋ᠢᠯᠢ ᠨᠤᠷᠠᠭ᠋ᠠᠵᠤ ᠨᠡᠭᠦᠯᠭᠡᠬᠦ ᠠᠵᠢᠯ᠎ᠤᠨ 70% ᠵᠢ᠎ᠨᠢ ᠨᠢᠭᠡᠨᠲᠡ ᠪᠡᠶᠡᠯᠡᠭᠦᠯᠪᠡ; ᠨᠠᠢ᠍ᠮᠠᠨ ᠸᠠᠩ᠎ᠤᠨ ᠣᠷᠳᠣᠨ᠎ᠢ ᠵᠠᠰᠠᠵᠤ ᠰᠡᠷᠭᠦᠭᠡᠬᠦ ᠪᠠᠷᠢᠯᠭ᠎ᠠ ᠵᠢᠨ ᠣᠷᠳᠣᠨ᠎ᠤ ᠶᠠᠮᠤᠨ᠎ᠤ ᠬᠦᠷᠢᠶ᠎ᠡ ᠵᠢᠨ ᠭᠤᠷᠪᠠᠨ ᠭᠡᠷ ᠪᠠᠶ᠋ᠢᠰᠢᠩ᠎ᠤᠨ ᠴᠣᠭᠴᠠ ᠵᠢ ᠨᠢᠭᠡᠨᠲᠡ ᠪᠠᠷᠢᠵᠤ ᠳᠠᠭᠤᠰᠬᠠᠪᠠ; ᠬᠠᠮᠢᠨᠤ ᠪᠠᠭᠤᠷᠢ ᠵᠢᠨ ᠮᠦᠽᠧᠢ ᠵᠢᠨ ᠭᠣᠣᠯ ᠴᠣᠭᠴᠠᠲᠤ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢ ᠨᠢᠭᠡᠨᠲᠡ ᠪᠡᠶᠡᠯᠡᠭᠦᠯᠵᠦ᠂ ᠶᠠᠭ ᠪᠤᠯᠤᠳ ᠪᠦᠲᠦᠴᠡ ᠵᠢ ᠪᠣᠰᠬᠠᠵᠤ ᠪᠤᠢ᠂ ᠪᠠᠭᠤᠷᠢ ᠵᠢᠨ ᠬᠠᠮᠠᠭ᠋ᠠᠯᠠᠯᠲᠠ ᠵᠢᠨ ᠳᠡᠯᠭᠡᠨ ᠦᠵᠡᠭᠦᠯᠭᠡ ᠣᠷᠳᠣᠨ ᠶᠠᠭ ᠨᠢᠭᠡᠳᠦᠭᠡᠷ ᠳᠠᠪᠬᠤᠷ᠎ᠤᠨ ᠪᠦᠳᠦᠭᠦᠪᠴᠢ ᠪᠠᠶ᠋ᠢᠭᠤᠯᠤᠯᠲᠠ ᠪᠠᠷᠢᠵᠤ ᠪᠣᠢ; ᠡᠮᠦᠨᠡᠲᠦ ᠪᠤᠯᠠᠭᠲᠤ ᠵᠢᠨ ᠡᠷᠲᠡᠨ᠎ᠤ ᠪᠠᠭᠤᠷᠢ ᠵᠢᠨ ᠴᠡᠴᠡᠷᠯᠢᠭ᠎ᠤᠨ ᠡᠷᠲᠡᠨ᠎ᠤ ᠪᠠᠭᠤᠷᠢ ᠵᠢᠨ ᠮᠦᠽᠧᠶ ᠵᠢᠨ ᠦᠷ᠎ᠡ ᠳ᠋ᠦᠩ᠎ᠤᠨ ᠵᠢᠷᠤᠭ᠎ᠢ ᠨᠢᠭᠡᠨᠲᠡ ᠵᠢᠷᠤᠵᠤ ᠲᠥᠯᠥᠪᠯᠡᠭᠰᠡᠨ ᠪᠥᠭᠡᠳ ᠪᠠᠯᠠᠷ ᠡᠷᠲᠡᠨ᠎ᠤ ᠭᠡᠷ᠎ᠤᠨ ᠪᠠᠭᠤᠷᠢ ᠵᠢ ᠴᠡᠪᠡᠷᠯᠡᠪᠡ; ᠦᠨᠳᠦᠰᠦᠲᠡᠨ᠎ᠤ ᠣᠨᠴᠠᠯᠢᠭ ᠪᠦᠬᠦᠢ ᠦᠢ᠍ᠯᠡᠳᠬᠦᠨ᠎ᠢ ᠲᠡᠳᠬᠦᠬᠦ ᠨᠡᠭᠡᠭᠡᠨ ᠬᠥᠭᠵᠢᠭᠦᠯᠬᠦ ᠠᠵᠢᠯ᠎ᠢ ᠡᠬᠢᠯᠡᠭᠦᠯᠵᠦ᠂ ᠦᠨᠳᠦᠰᠦᠲᠡᠨ᠎ᠤ ᠬᠤᠪᠴᠠᠰᠤ ᠵᠠᠰᠠᠯ᠂ ᠦᠨᠳᠦᠰᠦᠲᠡᠨ᠎ᠤ ᠬᠥᠭᠵᠢᠮᠳᠡᠭᠦᠷ ᠬᠢᠬᠦ᠂ᠪᠠᠷ ᠵᠢᠷᠤᠭ ᠵᠡᠷᠭᠡ ᠲᠥᠷᠥᠯ ᠵᠦᠢ᠍ᠯ᠎ᠢ ᠬᠠᠮᠠᠭ᠋ᠠᠯᠠᠬᠤ᠂ ᠤᠯᠠᠮᠵᠢᠯᠠᠬᠤ᠂ ᠨᠡᠭᠡᠭᠡᠨ ᠬᠥᠭᠵᠢᠭᠦᠯᠬᠦ᠂ ᠠᠰᠢᠭᠯᠠᠬᠤ ᠳᠦᠷᠪᠡᠨ ᠲᠠᠯ᠎ᠠ᠎ᠪᠠᠷ ᠰᠢᠰᠲ᠋ᠧᠮ᠎ᠲᠠᠢ᠎ᠪᠠᠷ ᠵᠠᠳᠠᠯᠤᠨ ᠰᠤᠳᠤᠯᠵᠤ᠂ ᠲᠡᠭᠦᠨ᠎ᠤ ᠦᠷᠳᠡᠭ᠎ᠤᠨ ᠦᠢ᠍ᠯᠡᠳᠦᠯ᠎ᠢ᠎ᠨᠢ ᠪᠠᠳᠠᠷᠠᠭᠤᠯᠪᠠ; 《ᠠᠷᠪᠠᠳᠠᠬᠢ ᠰᠣᠶᠣᠯ᠎ᠤᠨ ᠥᠪ᠎ᠤᠨ ᠡᠳᠦᠷ᠎ᠢ ᠳᠤᠷᠠᠰᠬᠠᠬᠤ ᠲᠣᠭᠯᠠᠯᠲᠠ ᠦᠵᠡᠭᠦᠯᠦᠯᠭᠡ ᠵᠢᠨ ᠠᠵᠢᠯᠯᠠᠭ᠎ᠠ》 ᠵᠢ ᠡᠷᠬᠢᠯᠡᠵᠦ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠬᠠᠤᠯᠢ》 《ᠪᠣᠳᠠᠰ᠎ᠤᠨ ᠪᠤᠰᠤ ᠰᠣᠶᠣᠯ᠎ᠤᠨ ᠥᠪ ᠬᠥᠷᠥᠨᠭᠭᠡ ᠵᠢ ᠬᠠᠮᠠᠭ᠋ᠠᠯᠠᠬᠤ ᠬᠠᠤᠯᠢ》 ᠵᠢ ᠵᠣᠬᠢᠶᠠᠨ ᠪᠠᠢ᠌ᠭᠤᠯᠤᠨ ᠤᠬᠠᠭᠤᠯᠵᠤ᠂ ᠠᠷᠠᠳ ᠨᠡᠶ᠋ᠢᠲᠡ ᠵᠢᠨ ᠰᠣᠶᠣᠯ᠎ᠤᠨ ᠥᠪ᠎ᠢ ᠬᠠᠮᠠᠭ᠋ᠠᠯᠠᠬᠤ ᠤᠬᠠᠮᠰᠠᠷ᠎ᠢ᠎ᠨᠢ ᠳᠡᠭᠡᠭᠰᠢᠯᠡᠭᠦᠯᠪᠡ; ᠲᠦᠩᠯᠢᠶᠣᠤ ᠬᠣᠲᠠ ᠵᠢᠨ ᠮᠦᠽᠧᠶ ᠪᠣᠯᠤᠨ ᠭᠦᠢ᠍ᠵᠧᠦ ᠮᠤᠵᠢ ᠵᠢᠨ ᠦᠨᠳᠦᠰᠦᠲᠡᠨ᠎ᠤ ᠮᠦᠽᠧᠢ᠎ᠲᠠᠢ ᠬᠠᠮᠲᠤᠷᠠᠵᠤ 《ᠲᠠᠯ᠎ᠠ ᠨᠤᠲᠤᠭ᠎ᠤᠨ ᠬᠤᠪᠴᠠᠰᠤ ᠭᠣᠶᠣᠯᠠᠯ — ᠳᠤᠮᠳᠠᠳᠤ ᠤᠯᠤᠰ᠎ᠤᠨ ᠮᠣᠩᠭᠣᠯ ᠦᠨᠳᠦᠰᠦᠲᠡᠨ᠎ᠤ ᠬᠤᠪᠴᠠᠰᠤ ᠵᠠᠰᠠᠯ᠎ᠤᠨ ᠦᠵᠡᠭᠦᠯᠦᠯᠭᠡ》 ᠵᠢ ᠡᠷᠬᠢᠯᠡᠵᠦ᠂ ᠡᠮᠦᠨᠡᠲᠦ ᠤᠮᠠᠷᠠᠲᠤ ᠵᠢᠨ ᠴᠥᠭᠡᠨ ᠲᠣᠭ᠋ᠠᠲᠤ ᠦᠨᠳᠦᠰᠦᠲᠡᠨ᠎ᠤ ᠭᠠᠵᠠᠷ ᠣᠷᠣᠨ᠎ᠤ ᠰᠣᠶᠣᠯ᠎ᠤᠨ ᠰᠣᠯᠢᠯᠴᠠᠭ᠎ᠠ ᠲᠤᠡᠭ ᠰᠠᠢ᠍ᠢ᠍ᠨ ᠠᠬᠢᠭᠤᠯᠪᠠ᠃
ᠲᠦᠷᠪᠡ᠎ᠳᠤ ᠰᠣᠶᠣᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠢᠨᠵᠧᠨᠧᠷᠢᠩ᠎ᠢ ᠬᠡᠷᠡᠭᠵᠢᠭᠦᠯᠪᠡ᠃ 《ᠶᠤᠸᠠᠨ ᠳ᠋ᠦ᠋ ᠬᠣᠷᠴᠢᠨ ᠰᠣᠶᠣᠯ᠎ᠤᠨ ᠵᠢᠭᠤᠯᠴᠢᠯᠠᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ》᠎ᠤᠨ 5000 ᠲᠡᠭᠰᠢ ᠳᠥᠷᠪᠡᠯᠵᠢᠨ ᠮᠧᠲᠷ᠎ᠤᠨ ᠭᠣᠣᠯ ᠴᠣᠭᠴᠠᠲᠤ ᠪᠠᠷᠢᠯᠭ᠎ᠠ ᠵᠢᠨ ᠠᠵᠢᠯ᠎ᠢ ᠨᠢᠭᠡᠨᠲᠡ ᠪᠡᠶᠡᠯᠡᠭᠦᠯᠵᠦ᠂ ᠶᠠᠭ ᠭᠣᠣᠯ ᠴᠣᠭᠴᠠᠪᠤᠷᠢ ᠵᠢᠨ ᠵᠠᠰᠠᠯ ᠴᠢᠮᠡᠭᠯᠡᠯ᠎ᠤᠨ ᠪᠠᠷᠢᠯᠭ᠎ᠠ ᠵᠢ ᠪᠠᠷᠢᠵᠤ ᠪᠣᠢ; 《ᠪᠢ ᠺᠸ ᠨᠠᠭ᠋ᠠᠳᠤᠮ᠎ᠤᠨ ᠵᠠᠩ ᠦᠢ᠍ᠯᠡ ᠵᠢᠨ ᠬᠦᠷᠢᠶᠡᠯᠡᠩ》᠎ᠤᠨ ᠦᠨᠳᠦᠰᠦᠲᠡᠨ᠎ᠤ ᠬᠤᠳᠠᠯᠳᠤᠭ᠋ᠠᠨ᠎ᠤ ᠵᠡᠭᠡᠯᠢ ᠵᠢ ᠨᠢᠭᠡᠨᠲᠡ ᠨᠡᠭᠡᠭᠡᠨ ᠬᠥᠭᠵᠢᠭᠦᠯᠬᠦ ᠪᠠᠢ᠌ᠭᠤᠯᠤᠨ ᠳᠠᠭᠤᠰᠴᠤ᠂ ᠤᠳᠤ ᠶᠠᠭ ᠤᠯᠤᠰ᠎ᠤᠨ ᠳᠣᠲᠣᠭ᠋ᠠᠳᠤ ᠵᠢᠨ ᠦᠨᠳᠦᠰᠦᠲᠡᠨ᠎ᠤ ᠣᠨᠴᠠᠯᠢᠭ ᠪᠦᠬᠦᠢ ᠦᠢ᠍ᠯᠡᠳᠬᠦᠨ᠎ᠤ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠠᠴᠠ ᠬᠤᠳᠠᠯᠳᠤᠭ᠋ᠠᠴᠢᠳ᠎ᠢ ᠤᠷᠢᠵᠤ ᠪᠣᠢ; 《ᠬᠠᠰᠠᠷ᠎ᠤᠨ ᠠᠷᠢᠭᠤᠨ ᠣᠷᠣᠨ ᠮᠣᠩᠭᠣᠯ ᠵᠠᠩ ᠦᠢ᠍ᠯᠡ ᠵᠢᠨ ᠬᠦᠷᠢᠶᠡᠯᠡᠩ》᠎ᠤᠨ ᠬᠣᠶᠠᠳᠤᠭ᠋ᠠᠷ ᠬᠤᠭᠤᠴᠠᠭ᠋ᠠᠨ᠎ᠤ ᠪᠠᠷᠢᠯᠭ᠎ᠠ ᠵᠢᠨ ᠮᠣᠩᠭᠣᠯ ᠰᠣᠶᠣᠯ ᠤᠷᠠᠯᠢᠭ᠎ᠤᠨ ᠳᠡᠯᠭᠡᠨ ᠦᠵᠡᠭᠦᠯᠬᠦ ᠣᠷᠳᠣᠨ᠂ ᠵᠢᠭᠤᠯᠴᠢᠯᠠᠭᠴᠢᠳ᠎ᠢ ᠬᠦᠯᠢᠶᠡᠨ ᠠᠪᠬᠤ ᠲᠥᠪ᠎ᠤᠨ ᠭᠣᠣᠯ ᠴᠣᠭᠴᠠᠲᠤ ᠪᠠᠷᠢᠯᠭ᠎ᠠ ᠵᠢ ᠨᠢᠭᠡᠨᠲᠡ ᠳᠠᠭᠤᠰᠬᠠᠪᠠ; 《ᠬᠡᠪᠯᠡᠯ᠎ᠤᠨ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ》᠎ᠤᠨ ᠨᠢᠭᠡᠳᠦᠭᠡᠷ ᠬᠤᠭᠤᠴᠠᠭ᠋ᠠᠨ᠎ᠤ ᠦᠨᠳᠦᠰᠦᠨ ᠪᠦ᠍ᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢ ᠨᠢᠭᠡᠨᠲᠡ ᠳᠠᠭᠤᠰᠬᠠᠵᠤ᠂ 8 ᠳ᠋ᠤᠭ᠋ᠠᠷ ᠰᠠᠷ᠎ᠠ᠎ᠳᠤ ᠠᠰᠢᠭᠯᠠᠯᠲᠠ᠎ᠳᠤ ᠣᠷᠣᠭᠤᠯᠪᠠ᠃ 《ᠮᠣᠩᠭᠣᠯ ᠸᠠᠩ ᠠᠷᠢᠬᠢᠨ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ》᠎ᠤᠨ ᠨᠢᠭᠡᠳᠦᠭᠡᠷ ᠬᠤᠭᠤᠴᠠᠭ᠋ᠠᠨ᠎ᠤ ᠪᠠᠷᠢᠯᠭ᠎ᠠ ᠵᠢᠨ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢ ᠪᠡᠶᠡᠯᠡᠭᠦᠯᠵᠦ᠂ ᠶᠠᠭ ᠲᠡᠭᠦᠯᠳᠡᠷᠵᠢᠵᠦ ᠵᠠᠰᠠᠪᠤᠷᠢ ᠣᠷᠣᠭᠤᠯᠵᠤ ᠪᠤᠢ᠃ 5 ᠳ᠋ᠤᠭ᠋ᠠᠷ ᠰᠠᠷ᠎ᠠ ᠵᠢᠨ 14᠎ᠤ ᠡᠳᠦᠷ᠎ᠠᠴᠠ 18᠎ᠤ ᠡᠳᠦᠷ ᠪᠣᠯᠲᠠᠯ᠎ᠠ᠂ ᠠᠷᠪᠠᠨ ᠨᠢᠭᠡᠳᠦᠭᠡᠷ ᠬᠤᠭᠤᠴᠠᠭ᠋ᠠᠨ᠎ᠤ ᠳᠤᠮᠳᠠᠳᠤ ᠤᠯᠤᠰ (ᠱᠧᠨᠵᠧᠨ)᠎ᠤᠨ ᠤᠯᠠᠨ ᠤᠯᠤᠰ᠎ᠤᠨ ᠰᠣᠶᠣᠯ᠎ᠤᠨ ᠠᠵᠤ ᠦᠢ᠍ᠯᠡᠰ᠎ᠤᠨ ᠳᠡᠯᠭᠡᠨ ᠦᠵᠡᠭᠦᠯᠦᠯᠭᠡ ᠵᠢᠨ ᠠᠷᠠᠯᠵᠢᠶ᠎ᠠ ᠰᠣᠯᠢᠯᠴᠠᠭ᠋ᠠᠨ᠎ᠤ ᠴᠤᠭᠯᠠᠭ᠋ᠠᠨ᠎ᠳᠤ ᠣᠷᠣᠯᠴᠠᠵᠤ᠂ ᠬᠣᠷᠴᠢᠨ᠎ᠪᠠᠷ ᠵᠢᠷᠤᠭ᠎ᠤᠨ ᠵᠢᠩᠬᠢᠨᠢ ᠡᠳ᠋ ᠪᠣᠳᠠᠰ᠎ᠤᠨ ᠦᠵᠡᠭᠦᠯᠦᠯᠭᠡ ᠬᠢᠵᠦ᠂ ᠡᠭᠦᠨ᠎ᠤ ᠬᠠᠮᠲᠤ ᠬᠣᠷᠴᠢᠨ᠎ᠤ ᠦᠨᠳᠦᠰᠦᠲᠡᠨ᠎ᠤ ᠬᠤᠪᠴᠠᠰᠤ ᠵᠠᠰᠠᠯ᠂ ᠦᠨᠳᠦᠰᠦᠲᠡᠨ᠎ᠤ ᠬᠥᠭᠵᠢᠮ ᠦᠢ᠍ᠯᠡᠳᠬᠦ᠂ ᠦᠨᠳᠦᠰᠦᠲᠡᠨ᠎ᠤ ᠢᠳᠡᠭᠡᠨ᠂ᠠᠷᠠᠰᠤᠨ ᠰᠡᠶ᠋ᠢᠯᠦᠮᠡᠯ ᠵᠡᠷᠭᠡ 35 ᠵᠦᠢ᠍ᠯ᠎ᠢ ᠭᠣᠣᠯᠳᠠᠯᠭ᠎ᠠ᠎ᠲᠠᠢ ᠲᠠᠨᠢᠯᠴᠠᠭᠤᠯᠪᠠ᠃ ᠤᠯᠤᠰ᠎ᠤᠨ ᠳᠣᠲᠣᠭ᠋ᠠᠳᠤ ᠵᠢᠨ ᠰᠣᠶᠣᠯ᠎ᠤᠨ ᠦᠢ᠍ᠯᠡᠳᠬᠦᠨ᠎ᠢ ᠰᠤᠳᠤᠯᠤᠨ ᠨᠡᠭᠡᠭᠡᠵᠦ ᠦᠢ᠍ᠯᠡᠳᠪᠦᠷᠢᠯᠡᠬᠦ 42 ᠠᠵᠤ ᠠᠬᠤᠶ᠋ᠢᠯᠠᠯ᠎ᠲᠠᠢ ᠠᠩᠬ᠎ᠠ ᠠᠯᠬᠤᠮ᠎ᠤᠨ ᠵᠥᠪᠯᠡᠯᠴᠡᠭᠡᠷ ᠬᠢᠵᠦ᠂ ᠳᠠᠷᠠᠭ᠋ᠠᠴᠢ ᠵᠢᠨ ᠠᠯᠬᠤᠮ᠎ᠤᠨ ᠬᠣᠷᠰᠢᠯᠴᠠᠭ᠎ᠠ᠎ᠳᠤ ᠰᠠᠭᠤᠷᠢ ᠲᠠᠯᠪᠢᠪᠠ;ᠪᠠᠷ ᠵᠢᠷᠤᠭ᠎ᠤᠨ ᠵᠣᠬᠢᠶᠠᠯ ᠪᠦᠲᠦᠭᠡᠯ᠎ᠢ ᠵᠣᠬᠢᠶᠠᠨ ᠪᠠᠢ᠌ᠭᠤᠯᠬᠤ 《ᠥᠪᠥᠷ ᠮᠣᠩᠭᠣᠯ᠎ᠳᠠᠬᠢ ᠪᠣᠯᠵᠣᠭ᠎ᠠ — — ᠹᠷᠠᠨᠼᠢ · ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠰᠣᠶᠣᠯ᠎ᠤᠨ ᠭᠠᠷᠠᠭ᠎ᠤᠨ ᠠᠵᠢᠯᠯᠠᠭ᠎ᠠ᠎ᠳᠤ ᠣᠷᠣᠯᠴᠠᠵᠤ ᠂ ᠹᠷᠠᠨᠼᠢ ᠵᠢᠨ ᠫᠠᠷᠢᠰ᠎ᠲᠤ 50 ᠵᠢᠷᠤᠭ᠎ᠤᠨ ᠪᠦᠲᠦᠭᠡᠯ᠎ᠢ ᠳᠡᠯᠭᠡᠨ ᠦᠵᠡᠭᠦᠯᠪᠡ᠃
ᠱᠧᠩ ᠴᠢᠨ᠄
ᠲᠠᠪᠤ᠎ᠳᠤ ᠰᠣᠶᠣᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠢᠨᠵᠧᠨᠧᠷᠢᠩ᠎ᠢ ᠬᠡᠷᠡᠭᠵᠢᠭᠦᠯᠪᠡ᠃ ᠬᠣᠷᠴᠢᠨ ᠲᠣᠭᠣᠷᠢᠭ᠎ᠤᠨ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠠᠷᠢᠮᠵᠢᠶᠠᠵᠢᠭᠤᠯᠬᠤ᠂ ᠲᠡᠩᠴᠡᠭᠦᠯᠬᠦ ᠪᠠᠶ᠋ᠢᠭᠤᠯᠤᠯᠲᠠ ᠪᠣᠯᠣᠨ ᠦᠨᠳᠦᠰᠦᠨ ᠱᠠᠲᠤᠨ᠎ᠤ ᠶᠡᠷᠦᠩᠬᠡᠶ᠋ᠢᠯᠡᠭᠰᠡᠨ ᠴᠢᠨᠠᠷᠲᠠᠶ ᠰᠣᠶᠣᠯ᠎ᠤᠨ ᠦᠢ᠍ᠯᠡᠴᠢᠯᠡᠭᠡᠨ᠎ᠤ ᠲᠥᠪ᠎ᠤᠨ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠠᠵᠢᠯ ᠮᠡᠳᠡᠭᠳᠡᠮ᠎ᠡ ᠠᠮᠵᠢᠯᠲᠠ ᠣᠯᠵᠤ᠂ ᠰᠣᠶᠣᠯ᠎ᠤᠨ ᠪᠡᠯᠡᠳᠬᠡᠮᠵᠢ ᠢᠯᠡᠳᠲᠡ ᠰᠠᠶ᠋ᠢᠵᠢᠷᠠᠵᠤ᠂ ᠰᠣᠶᠣᠯ᠎ᠤᠨ ᠠᠵᠢᠯᠯᠠᠭ᠎ᠠ ᠡᠯᠪᠡᠭ ᠪᠠᠶᠠᠯᠢᠭ ᠪᠣᠯᠵᠤ᠂ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ ᠯᠠᠪᠳᠠᠭᠤᠨ ᠵᠶ᠋ᠠᠷ ᠠᠬᠢᠵᠤ᠂ ᠰᠦᠢ᠍ᠳᠬᠡᠯ ᠬᠤᠷᠢᠶᠠᠬᠤ ᠦᠭᠡᠢ᠎ᠪᠠᠷ ᠨᠡᠬᠡᠬᠡᠨ ᠦᠢ᠍ᠯᠡᠴᠢᠯᠡᠬᠦ ᠵᠢ ᠵᠡᠷᠭᠡ ᠳᠡᠰ᠎ᠢ ᠳᠡᠪᠰᠢᠭᠦᠯᠵᠦ᠂ ᠲᠤᠰᠬᠠᠶ ᠮᠡᠷᠭᠡᠵᠢᠯ᠎ᠤᠨ ᠰᠣᠶᠣᠯ᠎ᠤᠨ ᠦᠢ᠍ᠯᠡᠴᠢᠯᠡᠭᠡᠨ᠎ᠤ ᠪᠦᠬᠦᠶ᠋ᠢᠯᠡ ᠬᠢᠷᠢ ᠲᠦᠪᠰᠢᠨ ᠳᠡᠭᠡᠭᠰᠢᠯᠡᠵᠦ᠂ ᠮᠠᠨ᠎ᠤ ᠬᠣᠲᠠ ᠵᠢᠨ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ᠂ ᠲᠡᠩᠴᠡᠭᠦᠯᠬᠦ ᠵᠢ ᠠᠬᠢᠭᠤᠯᠬᠤ᠎ᠳᠤ ᠦᠯᠢᠭᠡᠷ ᠵᠢᠱ᠌ᠢᠶ᠎ᠡ ᠪᠠ ᠳᠠᠭ᠋ᠠᠭᠤᠯᠤᠭᠴᠢ ᠵᠢᠨ ᠦᠢ᠍ᠯᠡᠳᠦᠯ ᠦᠵᠡᠭᠦᠯᠪᠡ; ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ᠂ ᠠᠩᠬ᠎ᠠ ᠵᠣᠬᠢᠶᠠᠭᠰᠠᠨ ᠵᠦᠴᠦᠭᠡ᠎ᠳᠤ ᠨᠥᠬᠥᠪᠥᠷᠢ ᠥᠭᠬᠦ᠂ ᠱᠠᠩᠨᠠᠬᠤ᠎ᠪᠠᠷ ᠨᠥᠬᠥᠪᠦᠷᠢᠯᠡᠬᠦ ᠣᠷᠣᠯᠠᠭᠤᠯᠬᠤ ᠵᠡᠷᠭᠡ ᠠᠷᠭ᠎ᠠ ᠮᠠᠶᠢᠭ ᠵᠶ᠋ᠠᠷ ᠤᠯᠤᠰ᠎ᠤᠨ ᠥᠮᠴᠢᠯᠡᠯ᠎ᠠᠴᠠ ᠠᠵᠤ ᠠᠬᠤᠶ᠋ᠢᠯᠠᠯ ᠪᠣᠯᠣᠨ ᠬᠤᠪᠢᠷᠠᠬᠤ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠳᠤ ᠤᠷᠠᠯᠢᠭ᠎ᠤᠨ ᠵᠣᠬᠢᠶᠠᠨ ᠪᠦᠲᠦᠭᠡᠬᠦ ᠦᠢ᠍ᠯᠡᠳᠪᠦᠷᠢᠯᠡᠯ᠎ᠤᠨ ᠥᠭᠡᠷᠡᠴᠢᠯᠡᠯᠲᠡ ᠵᠢ ᠲᠡᠳᠬᠦᠨ ᠳᠡᠮᠵᠢᠬᠦ ᠵᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ᠂ 《ᠲᠦᠩᠯᠢᠶᠣᠤ ᠬᠣᠲᠠ ᠵᠢᠨ ᠰᠣᠶᠣᠯ ᠤᠷᠠᠯᠢᠭ᠎ᠤᠨ ᠰᠣᠩᠭᠣᠳᠠᠭ ᠪᠦᠲᠦᠭᠡᠯ᠎ᠢ ᠵᠣᠬᠢᠶᠠᠨ ᠪᠦᠲᠦᠭᠡᠬᠦ ᠵᠢ ᠱᠠᠩᠨᠠᠬᠤ ᠲᠡᠳᠬᠦᠬᠦ ᠠᠷᠭ᠎ᠠ》 ᠵᠢ ᠲᠣᠭᠲᠠᠭ᠋ᠠᠪᠠ᠃
ᠵᠢᠷᠭᠤᠭ᠎ᠠ᠎ᠳᠤ ᠰᠠᠭᠤᠷᠢ ᠪᠡᠯᠡᠳᠬᠡᠮᠵᠢ ᠵᠢᠨ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠪᠡ᠃ ᠪᠠᠷᠢᠯᠭ᠎ᠠ ᠵᠢᠨ ᠲᠠᠯᠠᠪᠠᠶ᠎ᠨᠢ 3.8 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠶ ᠪᠦᠬᠦᠢ ᠲᠦᠩᠯᠢᠶᠣᠤ ᠬᠣᠲᠠ ᠵᠢᠨ ᠨᠣᠮ᠎ᠤᠨ ᠰᠠᠩ᠎ᠤᠨ ᠰᠢᠨ᠎ᠡ ᠣᠷᠳᠣᠨ᠎ᠤ ᠪᠥᠳᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠮᠠᠨ᠎ᠤ ᠬᠣᠲᠠᠨ᠎ᠤ 《ᠥᠪᠡᠷᠲᠡᠭᠡᠨ ᠵᠠᠰᠠᠬᠤ ᠣᠷᠣᠨ ᠪᠠᠢ᠌ᠭᠤᠯᠤᠭᠳᠠᠭᠰᠠᠨ 70 ᠵᠢᠯ᠎ᠤᠨ ᠤᠢ ᠵᠢᠨ ᠪᠠᠶᠠᠷ᠎ᠤᠨ ᠶᠡᠬᠡ ᠭᠣᠣᠯᠳᠠᠯᠭ᠎ᠠ᠎ᠲᠠᠢ ᠲᠥᠷᠥᠯ ᠵᠦᠢ᠍ᠯ》᠎ᠳᠤ ᠣᠷᠣᠭᠤᠯᠪᠠ᠃ ᠣᠳᠣᠬᠠᠨ᠎ᠳᠤ᠂ ᠣᠶᠣᠨᠲᠤ ᠵᠢᠷᠤᠭ ᠲᠥᠯᠥᠪᠯᠡᠭᠡ᠂ ᠠᠩᠬ᠎ᠠ ᠠᠯᠬᠤᠮ ᠵᠠᠰᠠᠵᠤ ᠴᠢᠮᠡᠭᠯᠡᠬᠦ ᠵᠢᠷᠤᠭ ᠲᠥᠯᠥᠪᠯᠡᠭᠡ ᠵᠢᠨ ᠲᠥᠯᠥᠪᠵᠢᠭᠦᠯᠭᠡ᠂ ᠶᠡᠷᠦᠩᠬᠡᠶ ᠪᠠᠢ᠌ᠷᠢᠯᠠᠭᠤᠯᠤᠯᠲᠠ ᠵᠢᠨ ᠵᠢᠷᠤᠭ ᠲᠥᠯᠥᠪᠯᠡᠭᠡ ᠵᠢᠨ ᠲᠥᠯᠥᠪᠵᠢᠭᠦᠯᠭᠡ ᠵᠢ ᠵᠡᠷᠭᠡ᠎ᠳᠤ᠎ᠨᠢ ᠲᠦᠯᠬᠢᠨ ᠠᠬᠢᠭᠤᠯᠪᠠ; ᠠᠴᠢᠮᠠᠭ ᠠᠭᠤᠯᠠ᠂ ᠬᠠᠨ ᠠᠭᠤᠯᠠ ᠵᠢᠨ ᠷᠠᠳᠢᠣ᠋ ᠨᠡᠪᠲᠡᠷᠡᠭᠦᠯᠭᠡ ᠲᠧᠯᠸᠢᠰ᠎ᠤᠨ ᠰᠠᠴᠤᠷᠠᠭᠤᠯᠬᠤ ᠲᠠᠪᠴᠠᠩ᠂ ᠪᠠᠢ᠍ᠢ᠍ᠰᠢᠩ᠎ᠳᠤ ᠵᠢᠨ ᠷᠠᠳᠢᠣ᠋ ᠨᠡᠪᠲᠡᠷᠡᠭᠦᠯᠭᠡ ᠲᠧᠯᠸᠢᠰ ᠳᠠᠮᠵᠢᠭᠤᠯᠬᠤ ᠥᠷᠲᠡᠭᠡᠨ᠎ᠤ ᠷᠠᠳᠢᠣ᠋ ᠨᠡᠪᠲᠡᠷᠡᠭᠦᠯᠭᠡ ᠲᠧᠯᠸᠢᠰ᠎ᠤᠨ ᠥᠨᠳᠥᠷ ᠠᠭᠤᠯᠠ ᠵᠢᠨ ᠷᠠᠳᠢᠣ᠋ ᠰᠠᠴᠤᠷᠠᠭᠤᠯᠬᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠬᠡᠪ᠎ᠤᠨ ᠶᠣᠰᠣᠭ᠋ᠠᠷ ᠲᠦᠯᠬᠢᠨ ᠠᠬᠢᠭᠤᠯᠪᠠ; ᠬᠣᠲᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠮᠦᠽᠧᠶ ᠶᠠᠭ ᠲᠥᠰᠦᠪ᠎ᠤᠨ ᠬᠢᠨᠠᠨ ᠲᠣᠭᠲᠠᠭ᠋ᠠᠯ ᠬᠢᠵᠦ ᠪᠤᠢ; ᠵᠢᠷᠢᠮ᠎ᠤᠨ ᠮᠣᠳᠣᠨ᠎ᠪᠠᠷ ᠵᠢᠷᠤᠭ᠎ᠤᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢ ᠡᠬᠢᠯᠡᠭᠦᠯᠪᠡ; ᠬᠣᠷᠴᠢᠨ᠎ᠤ ᠤᠯᠠᠨ ᠲᠦᠮᠡᠨ᠎ᠤ ᠰᠣᠶᠣᠯ᠎ᠤᠨ ᠲᠥᠪ᠎ᠢ ᠤᠳᠤ ᠨᠢᠭᠡᠨᠲᠡ ᠲᠥᠯᠥᠪᠵᠢᠭᠦᠯᠦᠨ ᠵᠢᠷᠤᠭᠯᠠᠨ ᠲᠥᠯᠥᠪᠯᠡᠬᠦ᠎ᠳᠤ ᠣᠷᠣᠭᠤᠯᠪᠠ; ᠺᠠᠶ᠋ᠢᠯᠦ ᠵᠢᠨ ᠰᠣᠶᠣᠯ᠎ᠤᠨ ᠵᠠᠭᠤᠴᠢ ᠵᠢᠨ ᠲᠥᠪ (8000 ᠲᠡᠭᠰᠢ ᠳᠥᠷᠪᠡᠯᠵᠢᠨ ᠮᠧᠲᠷ)᠎ᠤᠨ ᠲᠥᠯᠥᠪᠵᠢᠭᠦᠯᠦᠨ ᠵᠢᠷᠤᠭ ᠲᠥᠯᠥᠪᠯᠡᠭᠡ ᠪᠠ ᠦᠷ᠎ᠡ ᠳ᠋ᠦᠩ᠎ᠤᠨ ᠵᠢᠷᠤᠭ᠎ᠢ ᠨᠢᠭᠡᠨᠲᠡ ᠪᠡᠶᠡᠯᠡᠭᠦᠯᠪᠡ; ᠬᠦᠷᠢᠶ᠎ᠡ ᠵᠢᠨ ᠰᠣᠶᠣᠯ᠎ᠤᠨ ᠣᠷᠳᠣᠨ᠎ᠤ ᠨᠡᠭᠦᠨ ᠰᠢᠯᠵᠢᠬᠦ ᠵᠢ ᠪᠡᠶᠡᠯᠡᠭᠦᠯᠪᠡ; ᠵᠠᠷᠤᠳ ᠬᠣᠰᠢᠭᠤᠨ᠎ᠤ ᠰᠣᠶᠣᠯ᠎ᠤᠨ ᠣᠷᠳᠣᠨ᠂ ᠬᠣᠣᠯᠢᠨ ᠭᠣᠣᠯ ᠬᠤᠳᠠ ᠵᠢᠨ ᠨᠣᠮ᠎ᠤᠨ ᠰᠠᠩ᠎ᠤᠨ ᠪᠦᠳᠦᠭᠡᠨ ᠪᠠᠶ᠋ᠢᠭᠤᠯᠤᠯᠲᠠ ᠵᠢᠨ ᠭᠣᠣᠯ ᠴᠣᠭᠴᠠ ᠵᠢᠨ ᠪᠠᠷᠢᠯᠭ᠎ᠠ ᠵᠢ ᠨᠢᠭᠡᠨᠲᠡ ᠳᠠᠭᠤᠰᠬᠠᠵᠤ᠂ ᠤᠳᠤ ᠶᠠᠭ ᠵᠠᠰᠠᠯ ᠴᠢᠮᠡᠭᠯᠡᠯ᠎ᠤᠨ ᠠᠵᠢᠯ᠎ᠢ ᠬᠢᠬᠦ ᠪᠤᠢ᠃ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠢ ᠪᠠᠷᠢᠮᠵᠢᠶᠠᠵᠢᠭᠤᠯᠬᠤ ᠪᠠᠶ᠋ᠢᠭᠤᠯᠤᠯᠲᠠ ᠪᠠᠶᠠᠷᠯᠠᠭᠤᠰᠢᠲᠠᠶ ᠠᠯᠬᠤᠮ ᠵᠶ᠋ᠠᠨ ᠠᠯᠬᠤᠪᠠ᠃
ᠬᠥᠲᠥᠯᠥᠭᠴᠢ᠄
ᠵᠠ ᠰᠠᠢ᠌ᠨ ᠪᠤᠯᠤᠯ᠎ᠠ᠂ ᠱᠸᠩ ᠲᠣᠪᠴᠢᠶᠠᠨ ᠳᠠᠷᠤᠭ᠎ᠠ ᠵᠢᠨ ᠨᠠᠷᠢᠨ ᠨᠢᠮᠪᠠᠢ ᠲᠠᠢ᠌ᠯᠪᠤᠷᠢᠯᠠᠭᠰᠠᠨ᠎ᠳᠤ ᠲᠠᠯᠠᠷᠬᠠᠵᠦ ᠪᠠᠢ᠌ᠨ᠎ᠠ᠂ ᠰᠦᠯᠵᠢᠶᠡᠨ ᠠᠨᠳᠠ ᠨᠠᠷ᠎ᠤᠨ ᠬᠦᠯᠢᠶᠡᠨ ᠠᠪᠴᠤ ᠦᠵᠡᠭᠰᠡᠨ᠎ᠳᠤ ᠲᠠᠯᠠᠷᠬᠠᠵᠦ ᠪᠠᠢ᠌ᠨ᠎ᠠ᠂ ᠡᠨᠡ ᠤᠳᠠᠭ᠋ᠠᠨ᠎ᠤ ᠰᠤᠷᠪᠤᠯᠵᠢᠯᠠᠭ᠎ᠠ ᠶᠠᠷᠢᠯᠴᠠᠭ᠎ᠠ ᠡᠨᠳᠡ ᠬᠦᠷᠦᠭᠡᠳ ᠲᠠᠭᠦᠰᠤᠯᠠ᠂ ᠲᠠᠷᠠᠭ᠋ᠠᠴᠢ ᠵᠢᠨ ᠫᠷᠦᠭᠷᠡᠮ᠎ᠳᠤ ᠪᠠᠶᠠᠷᠲᠠᠢ ᠵᠤᠯᠭ᠋ᠠᠶ᠎ᠠ !