
ᠰᠤᠷᠪᠤᠯᠵᠢᠯᠠᠭᠰᠠᠨ ᠴᠠᠭ᠄
2015 ᠣᠨ᠎ᠤ 11 ᠳ᠋ᠦ᠍ᠭᠡᠷ ᠰᠠᠷ᠎ᠠ ᠵᠢᠨ 30᠎ᠤ ᠡᠳᠦᠷ᠎ᠤᠨ ᠦᠳᠡ ᠵᠢᠨ ᠡᠮᠦᠨᠡᠬᠢ 10 ᠴᠠᠭ
ᠰᠤᠷᠪᠤᠯᠵᠢᠯᠠᠭᠰᠠᠨ ᠵᠣᠴᠢᠳ᠄
ᠤᠯᠠᠭ᠋ᠠᠨᠬᠠᠳᠠ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠤᠨ ᠬᠠᠮᠢᠶᠠᠷᠤᠯᠲᠠ ᠵᠢᠨ ᠵᠥᠪᠯᠡᠯ᠎ᠤᠨ ᠳᠡᠳ᠋ ᠡᠷᠬᠢᠯᠡᠭᠴᠢ ᠵᠣᠣ ᠸᠸᠨ ᡁᠢ
ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
ᠤᠯᠠᠭ᠋ᠠᠨᠬᠠᠳᠠ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠨᠢ 2013 ᠣᠨ᠎ᠤ 8 ᠳ᠋ᠤᠭ᠋ᠠᠷ ᠰᠠᠷ᠎ᠠ ᠵᠢᠨ 8᠎ᠤ ᠡᠳᠦᠷ᠂ ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠵᠦ᠂ ᠪᠣᠭᠣᠮᠲᠠ ᠵᠢᠨ ᠶᠡᠷᠦᠩᠬᠡᠶ ᠵᠠᠬᠢᠷᠭ᠎ᠠ᠂ ᠡᠳ᠋᠎ᠤᠨ ᠵᠠᠰᠠᠭ᠎ᠤᠨ ᠶᠠᠮᠤᠨ᠂ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠪᠣᠯᠤᠨ ᠤᠯᠤᠰ᠎ᠤᠨ ᠭᠠᠳᠠᠭ᠋ᠠᠳᠤ ᠭᠤᠪᠢᠭᠤᠯᠭ᠎ᠠ ᠵᠢᠨ ᠬᠠᠮᠢᠶᠠᠷᠤᠯᠲᠠ ᠵᠢᠨ ᠲᠣᠪᠴᠢᠶ᠎ᠠ ᠵᠡᠷᠭᠡ ᠳᠥᠷᠪᠡᠨ ᠶᠠᠮᠤᠨ ᠵᠥᠪᠯᠡᠯ᠎ᠤᠨ ᠵᠥᠪᠰᠢᠶᠡᠷᠡᠯ ᠵᠶ᠋ᠠᠷ ᠪᠠᠢ᠌ᠭᠤᠯᠵᠤ᠂ 2014 ᠣᠨ᠎ᠤ 9 ᠳ᠋ᠦ᠍ᠭᠡᠷ ᠰᠠᠷ᠎ᠠ ᠵᠢᠨ 12᠎ᠤ ᠡᠳᠦᠷ ᠤᠯᠤᠰ᠎ᠠᠴᠠ ᠰᠢᠯᠭ᠋ᠠᠨ ᠠᠪᠴᠤ᠂ ᠡᠨᠡ ᠵᠢᠯ᠎ᠤᠨ 1 ᠳ᠋ᠦ᠍ᠭᠡᠷ ᠰᠠᠷ᠎ᠠ ᠵᠢᠨ1᠎ᠤ ᠡᠳᠦᠷ ᠠᠯᠪᠠᠨ ᠶᠣᠰᠣᠭ᠋ᠠᠷ ᠪᠣᠭᠣᠮᠲᠠ ᠵᠢᠨ ᠭᠠᠶ᠋ᠢᠯᠢ ᠬᠣᠷᠢᠵᠤ ᠡᠵᠡᠩᠨᠡᠪᠡ᠂ ᠡᠨᠡ᠎ᠨᠢ ᠮᠥᠨ ᠴᠦ᠍ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ ᠪᠣᠯᠤᠨ᠎ᠠ᠃ ᠤᠯᠠᠭ᠋ᠠᠨᠬᠠᠳᠠ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠤᠨ ᠬᠣᠯᠪᠣᠭᠳᠠᠯ ᠪᠦᠬᠦᠢ ᠪᠠᠶ᠋ᠢᠳᠠᠯ᠎ᠢ ᠨᠠᠷᠢᠨ ᠣᠢ᠌ᠯᠠᠭ᠋ᠠᠬᠤ ᠵᠢᠨ ᠲᠤᠰᠠᠳᠠ᠂ ᠣᠢ᠌ᠷ᠎ᠡ᠎ᠳᠤ ᠪᠢᠳᠡ ᠤᠯᠠᠭ᠋ᠠᠨᠬᠠᠳᠠ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠤᠨ ᠬᠠᠮᠢᠶᠠᠷᠤᠯᠲᠠ ᠵᠢᠨ ᠵᠥᠪᠯᠡᠯ᠎ᠤᠨ ᠳᠡᠳ᠋ ᠡᠷᠬᠢᠯᠡᠭᠴᠢ ᠵᠣᠣ ᠸᠸᠨ ᡁᠢ ᠵᠢ ᠤᠷᠢᠵᠤ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ ᠳᠡᠭᠡᠷ᠎ᠡ ᠲᠠ ᠨᠠᠷ᠎ᠲᠠᠢ ᠶᠠᠷᠢᠯᠴᠠᠭᠤᠯᠬᠤ ᠪᠣᠯᠣᠨ᠎ᠠ᠂ ᠥᠷᠭᠡᠨ ᠣᠯᠠᠨ ᠰᠦᠯᠵᠢᠶᠡᠨ ᠠᠨᠳᠠ ᠨᠠᠷ ᠲᠤᠬᠠᠶ ᠵᠢᠨ ᠴᠠᠭ᠎ᠲᠤ ᠢᠳᠡᠪᠬᠢᠲᠡᠶ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ!
ᠰᠤᠷᠪᠤᠯᠵᠢᠯᠠᠨ ᠶᠠᠷᠢᠯᠴᠠᠭᠰᠠᠨ ᠪᠣᠳᠠᠳᠤ ᠲᠡᠮᠳᠡᠭᠯᠡᠯ
ᠬᠥᠲᠥᠯᠥᠭᠴᠢ᠄
ᠰᠦᠯᠵᠢᠶᠡᠨ ᠠᠨᠳᠠ ᠨᠠᠷ ᠡ ᠰᠠᠢ᠌ᠨ ᠪᠠᠶ᠋ᠢᠨ᠎ᠠ ᠤᠤ! ᠲᠠ ᠪᠦᠬᠦᠨ ᠲᠣᠰ ᠬᠤᠭᠤᠴᠠᠭ᠋ᠠᠨ᠎ᠤ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢ ᠬᠦᠯᠢᠶᠡᠨ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠂ ᠪᠢᠳᠡᠨ᠎ᠤ ᠦᠨᠦᠳᠦᠷ᠎ᠤᠨ ᠤᠷᠢᠵᠤ ᠢᠷᠡᠭᠰᠡᠨ ᠡᠷᠬᠢᠮ ᠵᠣᠴᠢᠳ ᠪᠣᠯ ᠤᠯᠠᠭ᠋ᠠᠨᠬᠠᠳᠠ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠤᠨ ᠬᠠᠮᠢᠶᠠᠷᠤᠯᠲᠠ ᠵᠢᠨ ᠵᠥᠪᠯᠡᠯ᠎ᠤᠨ ᠳᠡᠳ᠋ ᠡᠷᠬᠢᠯᠡᠭᠴᠢ ᠵᠣᠣ ᠸᠸᠨ ᡁᠢ ᠪᠣᠯᠣᠨ᠎ᠠ᠂ ᠲᠡᠷᠡ ᠪᠢᠳᠡᠨ᠎ᠳᠤ ᠤᠯᠠᠭ᠋ᠠᠨᠬᠠᠳᠠ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠤᠨ ᠪᠥᠳᠥᠭᠡᠨ ᠪᠠᠶ᠋ᠢᠭᠤᠯᠤᠯᠲᠠ ᠡᠵᠡᠩᠨᠡᠯᠲᠡ ᠵᠡᠷᠭᠡ ᠲᠠᠯ᠎ᠠ᠎ᠪᠠᠷ᠎ᠬᠢ ᠪᠠᠶ᠋ᠢᠳᠠᠯ᠎ᠢ ᠲᠠᠨᠢᠯᠴᠠᠭᠤᠯᠵᠤ ᠥᠭᠭᠦᠨ᠎ᠡ᠃ ᠵᠣᠣ ᠡᠷᠬᠢᠯᠡᠭᠴᠢ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
ᠵᠣᠣ ᠸᠸᠨ ᡁᠢ᠄
ᠬᠥᠲᠥᠯᠥᠭᠴᠢ ᠰᠠᠢ᠌ᠨ ᠪᠠᠶ᠋ᠢᠨ᠎ᠠ ᠤᠤ! ᠰᠦᠯᠵᠢᠶᠡᠨ᠎ᠤ ᠨᠠᠶ᠋ᠢᠵᠠ ᠨᠠᠷ᠎ᠲᠤ ᠮᠡᠨᠳᠦ ᠠᠢ᠌ᠯᠠᠳᠬᠠᠶᠠ!
ᠬᠥᠲᠥᠯᠥᠭᠴᠢ᠄
ᠵᠤᠤ ᠡᠷᠬᠢᠯᠡᠭᠴᠢ ᠡ᠂ ᠪᠢᠳᠠᠨ᠎ᠤ ᠣᠢ᠌ᠯᠠᠭ᠋ᠠᠭᠰᠠᠨ ᠵᠶ᠋ᠠᠷ᠂ ᠤᠯᠠᠭ᠋ᠠᠨᠬᠠᠳᠠ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠨᠢ 2013 ᠣᠨ᠎ᠤ 8 ᠳ᠋ᠤᠭ᠋ᠠᠷ ᠰᠠᠷ᠎ᠠ ᠵᠢᠨ 8᠎ᠤ ᠡᠳᠦᠷ᠂ ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠵᠦ᠂ ᠪᠣᠭᠣᠮᠲᠠ ᠵᠢᠨ ᠶᠡᠷᠦᠩᠬᠡᠶ ᠵᠠᠬᠢᠷᠭ᠎ᠠ᠂ ᠡᠳ᠋᠎ᠤᠨ ᠵᠠᠰᠠᠭ᠎ᠤᠨ ᠶᠠᠮᠤᠨ᠂ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠪᠣᠯᠤᠨ ᠤᠯᠤᠰ᠎ᠤᠨ ᠭᠠᠳᠠᠭ᠋ᠠᠳᠤ ᠭᠤᠪᠢᠭᠤᠯᠭ᠎ᠠ ᠵᠢᠨ ᠬᠠᠮᠢᠶᠠᠷᠤᠯᠲᠠ ᠵᠢᠨ ᠲᠣᠪᠴᠢᠶ᠎ᠠ ᠵᠡᠷᠭᠡ ᠳᠥᠷᠪᠡᠨ ᠶᠠᠮᠤᠨ ᠵᠥᠪᠯᠡᠯ᠎ᠤᠨ ᠵᠥᠪᠰᠢᠶᠡᠷᠡᠯ ᠵᠶ᠋ᠠᠷ ᠪᠠᠢ᠌ᠭᠤᠯᠵᠤ᠂ 2014 ᠣᠨ᠎ᠤ 9 ᠳ᠋ᠦ᠍ᠭᠡᠷ ᠰᠠᠷ᠎ᠠ ᠵᠢᠨ 12᠎ᠤ ᠡᠳᠦᠷ ᠤᠯᠤᠰ᠎ᠠᠴᠠ ᠰᠢᠯᠭ᠋ᠠᠨ ᠠᠪᠴᠤ᠂ ᠡᠨᠡ ᠵᠢᠯ᠎ᠤᠨ 1 ᠳ᠋ᠦ᠍ᠭᠡᠷ ᠰᠠᠷ᠎ᠠ ᠵᠢᠨ 1᠎ᠤ ᠡᠳᠦᠷ ᠠᠯᠪᠠᠨ ᠶᠣᠰᠣᠭ᠋ᠠᠷ ᠪᠣᠭᠣᠮᠲᠠ ᠵᠢᠨ ᠭᠠᠶ᠋ᠢᠯᠢ ᠬᠣᠷᠢᠵᠤ ᠡᠵᠡᠩᠨᠡᠪᠡ᠂ ᠡᠨᠡ᠎ᠨᠢ ᠮᠥᠨ ᠴᠦ᠍ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ ᠪᠣᠯᠤᠨ᠎ᠠ᠃ ᠵᠣᠣ ᠡᠷᠬᠢᠯᠡᠭᠴᠢ ᠡ᠂ ᠲᠠ ᠤᠯᠠᠭ᠋ᠠᠨᠬᠠᠳᠠ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠤᠨ ᠪᠠᠶ᠋ᠢᠭᠤᠯᠤᠭᠳᠠᠭᠰᠠᠨ ᠠᠬᠤᠶ ᠪᠠᠶ᠋ᠢᠳᠠᠯ ᠵᠢᠴᠢ ᠲᠡᠭᠦᠨ᠎ᠤ ᠴᠢᠳᠠᠪᠬᠢ ᠦᠢ᠍ᠯᠡᠳᠦᠯ᠎ᠢ ᠶᠠᠷᠢᠭ᠋ᠠᠳ ᠥᠭᠭᠦᠨ᠎ᠡ ᠤᠤ?
ᠵᠣᠣ ᠸᠸᠨ ᡁᠢ᠄
ᠤᠯᠠᠭ᠋ᠠᠨᠬᠠᠳᠠ ᠭᠠᠵᠠᠷ ᠣᠷᠣᠨ ᠪᠣᠯ ᠥᠪᠥᠷ ᠮᠣᠩᠭᠣᠯ ᠡᠾᠸᠪᠸᠢ ᠯᠢᠶᠣᠤᠨᠢᠩ᠎ᠤᠨ ᠵᠠᠬ᠎ᠠ ᠨᠡᠢ᠌ᠯᠡᠭᠰᠡᠨ ᠬᠡᠰᠡᠭ ᠵᠶ᠋ᠡᠷ ᠪᠠᠢ᠌ᠷᠢᠯᠠᠵᠤ᠂ ᠵᠡᠭᠦᠨ ᠬᠣᠶ᠋ᠢᠲᠤ ᠣᠷᠣᠨ ᠬᠢᠭᠡᠳ ᠤᠮᠠᠷᠠᠲᠤ ᠣᠷᠣᠨ᠎ᠤ ᠠᠭᠤᠯᠵᠠᠷ ᠬᠡᠰᠡᠭ᠎ᠲᠤ ᠪᠠᠢ᠌ᠷᠢᠯᠠᠨ᠂ ᠵᠡᠭᠦᠨ ᠬᠣᠶ᠋ᠢᠲᠤ ᠵᠢᠨ ᠠᠵᠤ ᠠᠬᠤᠶ ᠵᠢᠨ ᠲᠣᠭᠤᠷᠢᠭ ᠪᠣᠯᠤᠨ ᠨᠡᠶ᠋ᠢᠰᠯᠡᠯ᠎ᠤᠨ ᠠᠵᠤ ᠠᠬᠤᠶ ᠵᠢᠨ ᠲᠣᠭᠤᠷᠢᠭ᠎ᠤᠨ ᠴᠢᠬᠤᠯᠠ ᠪᠦᠷᠢᠯᠳᠦᠬᠦᠨ ᠬᠡᠰᠡᠭ ᠮᠦᠨ᠂ ᠪᠠᠰᠠ ᠴᠤ᠌ ᠪᠥᠸᠸᠬᠠᠢ ᠲᠠᠩᠭᠢᠰ ᠳᠠᠭ᠋ᠠᠤ ᠠᠵᠤ ᠠᠬᠤᠶ ᠵᠢᠨ ᠬᠦᠷᠢᠶ᠎ᠡ ᠵᠢᠨ ᠴᠢᠬᠤᠯᠠ ᠬᠡᠰᠡᠭ ᠮᠦᠨ᠂ ᠤᠯᠠᠨ᠎ᠠᠴᠠ ᠬᠡᠲᠦᠶ᠋ᠢᠳᠦᠭᠰᠡᠨ ᠭᠠᠵᠠᠷ ᠣᠷᠣᠨ᠎ᠤ ᠳᠠᠪᠠᠭᠤᠯᠢᠭ ᠲᠠᠯ᠎ᠠ᠎ᠲᠠᠢ ᠶᠤᠮ᠃ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠠᠷᠠᠯᠵᠢᠶ᠎ᠠ ᠪᠣᠯᠣᠨ ᠪᠣᠯᠪᠠᠰᠤᠷᠠᠭᠤᠯᠬᠤ ᠠᠷᠠᠯᠵᠢᠶ᠎ᠠ ᠵᠢᠨ ᠥᠷᠨᠢᠨ ᠬᠥᠭᠵᠢᠵᠦ᠂ ᠤᠯᠠᠨ ᠤᠯᠤᠰ᠎ᠤᠨ ᠪᠠᠷᠠᠭ᠎ᠠ ᠵᠢᠨ ᠭᠦᠢ᠍ᠯᠭᠡᠭᠡᠨ᠎ᠤ ᠬᠡᠷᠡᠭᠴᠡᠭᠡ ᠱᠠᠭ᠋ᠠᠷᠳᠠᠯᠭ᠎ᠠ ᠯᠤᠲᠤ ᠶᠡᠬᠡ ᠪᠠᠢ᠌ᠭ᠎ᠠ ᠠᠬᠤᠶ ᠪᠠᠶ᠋ᠢᠳᠠᠯ᠎ᠤᠨ ᠳᠣᠣᠷ᠎ᠠ᠂ ᠤᠯᠠᠭ᠋ᠠᠨᠬᠠᠳᠠ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ ᠪᠠᠶ᠋ᠢᠭᠤᠯᠤᠭᠳᠠᠭᠰᠠᠨ ᠶᠤᠮ᠃ ᠡᠭᠦᠨ᠎ᠤ ᠬᠠᠮᠲᠤ 《ᠭᠠᠳᠠᠭᠰᠢᠯ ᠠᠵᠤ ᠠᠬᠤᠶ》 ᠵᠢᠨ ᠬᠥᠭᠵᠢᠯᠲᠡ ᠵᠢᠨ ᠰᠡᠳᠭᠢᠮᠵᠢ᠎ᠪᠠᠷ ᠭᠠᠳᠠᠭ᠋ᠠᠳᠤ᠎ᠠᠴᠠ ᠣᠷᠣᠭᠤᠯᠬᠤ ᠪᠠᠷᠠᠭ᠋ᠠᠨ᠎ᠤ ᠭᠠᠶ᠋ᠢᠯᠢ ᠪᠠᠲᠤᠯᠠᠬᠤ ᠰᠠᠩ ᠬᠥᠮᠥᠷᠭᠡ᠂ ᠭᠠᠳᠠᠭ᠋ᠠᠳᠤ᠎ᠳᠤ ᠭᠠᠷᠭ᠋ᠠᠬᠤ ᠡᠳ᠋ ᠪᠠᠷᠠᠭ᠋ᠠᠨ᠎ᠤ ᠲᠣᠭᠣᠷᠢᠭ᠎ᠲᠤ ᠣᠷᠣᠭᠤᠯᠵᠤ ᠭᠠᠶ᠋ᠢᠯᠢ ᠵᠢ ᠪᠤᠴᠠᠭ᠋ᠠᠬᠤ᠂ ᠤᠯᠠᠨ ᠤᠯᠤᠰ᠎ᠤᠨ ᠪᠠᠷᠠᠭ᠎ᠠ ᠵᠢᠨ ᠭᠦᠢ᠍ᠯᠭᠡᠭᠡᠨ᠎ᠢ ᠬᠤᠪᠢᠶᠠᠨ ᠰᠠᠯᠭ᠋ᠠᠵᠤ ᠲᠣᠬᠢᠷᠠᠭᠤᠯᠤᠨ ᠬᠦᠷᠭᠡᠬᠦ᠂ ᠭᠠᠷᠠᠮ ᠳᠠᠮᠵᠢᠭᠰᠠᠨ ᠠᠷᠠᠯᠵᠢᠶ᠎ᠠ᠂ ᠭᠠᠶ᠋ᠢᠯᠢ ᠪᠠᠲᠤᠯᠠᠬᠤ ᠳᠡᠯᠭᠡᠨ ᠦᠵᠡᠭᠦᠯᠦᠭᠡ᠂ ᠡᠩ᠎ᠤᠨ ᠪᠣᠯᠪᠠᠰᠤᠷᠠᠭᠤᠯᠭᠠ ᠵᠢᠴᠢ ᠦᠷᠳᠡᠭ ᠨᠡᠮᠡᠭᠳᠡᠭᠰᠡᠨ ᠦᠢ᠍ᠯᠡᠴᠢᠯᠡᠭᠡ ᠵᠡᠷᠭᠡ ᠴᠢᠳᠠᠪᠬᠢ ᠵᠢ ᠬᠦᠴᠦᠯᠡᠨ ᠪᠠᠢ᠌ᠭᠤᠯᠤᠨ ᠪᠦᠷᠢᠨᠰᠢᠭᠦᠯᠵᠦ᠂ ᠶᠡᠷᠦᠩᠬᠡᠶ ᠱᠦᠵᠢ ᠰᠢ ᠵᠢᠨ ᠫᠢᠩ᠎ᠤᠨ ᠳᠤᠷᠠᠳᠤᠭᠰᠠᠨ 《ᠤᠮᠠᠷᠠᠲᠤ ᠬᠢᠯᠢ ᠵᠢᠨ ᠥᠩᠭᠡ ᠢᠯᠭ᠋ᠠᠷᠠᠭᠰᠠᠨ ᠦᠵᠡᠮᠵᠢ ᠵᠢᠨ ᠣᠷᠣᠨ᠎ᠢ ᠴᠣᠭᠴᠠᠯᠠᠬᠤ ᠪᠠ ᠤᠮᠠᠷᠠᠰᠢ ᠨᠡᠭᠡᠭᠡᠬᠦ ᠬᠥᠭᠥᠷᠭᠡᠨ ᠪᠡᠬᠢᠯᠡᠯᠲᠡ》 ᠵᠢᠨ ᠪᠠᠷᠠᠭ᠋ᠠᠯᠬᠢᠯᠠᠯᠳᠤ ᠴᠢᠨᠠᠷᠲᠠᠢ ᠬᠥᠭᠵᠢᠯᠲᠡ ᠵᠢᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠬᠤ᠎ᠳᠤ ᠪᠠᠲᠤ ᠪᠡᠬᠢ ᠪᠣᠳᠠᠰ᠎ᠤᠨ ᠰᠠᠭᠤᠷᠢ ᠲᠠᠯᠪᠢᠵᠤ᠂ ᠤᠯᠠᠭ᠋ᠠᠨᠬᠠᠳᠠ ᠵᠢᠨ ᠠᠵᠤ ᠠᠬᠤᠶ ᠵᠢᠨ ᠣᠷᠣᠨ ᠪᠠᠢ᠌ᠷᠢᠰᠢᠯ᠎ᠤᠨ ᠳᠠᠪᠠᠭᠤᠯᠢᠭ ᠲᠠᠯ᠎ᠠ ᠵᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠠᠵᠤ ᠦᠢ᠍ᠯᠡᠰ᠎ᠤᠨ ᠰᠠᠴᠤᠷᠠᠭ᠎ᠤᠨ ᠥᠷᠭᠡᠴᠡ ᠵᠢ ᠨᠡᠮᠡᠭᠳᠡᠭᠦᠯᠵᠦ᠂ ᠬᠣᠲᠠ ᠵᠢᠨ ᠲᠥᠪᠯᠡᠷᠡᠯ᠎ᠤᠨ ᠦᠢ᠍ᠯᠡᠳᠦᠯ ᠳᠡᠭᠡᠭᠰᠢᠯᠡᠭᠦᠯᠬᠦ᠎ᠳᠤ ᠪᠠᠶ᠋ᠢᠭᠤᠯᠤᠯ᠎ᠤᠨ ᠴᠢᠨᠠᠷᠲᠠᠶ ᠪᠠᠲᠤᠯᠠᠭ᠎ᠠ ᠣᠯᠭᠣᠪᠠ᠃ ᠤᠯᠠᠭ᠋ᠠᠨᠬᠠᠳᠠ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠤᠨ ᠲᠤᠬᠠᠶ᠋ᠢᠯᠠᠭᠰᠠᠨ ᠠᠵᠢᠯ᠎ᠨᠢ ᠤᠯᠠᠭ᠋ᠠᠨᠬᠠᠳᠠ ᠬᠣᠲᠠ᠂ ᠲᠦᠩᠯᠢᠶᠣᠤ ᠬᠤᠳᠠ᠂ ᠰᠢᠯᠢ ᠵᠢᠨ ᠭᠣᠣᠯ ᠠᠶ᠋ᠢᠮᠠᠭ᠂ ᠯᠢᠶᠣᠤᠨᠢᠩ᠎ᠤᠨ ᠪᠠᠷᠠᠭᠤᠨ ᠬᠡᠰᠡᠭ᠂ ᠡᠾᠸᠪᠸᠢ ᠵᠢᠨ ᠬᠣᠶ᠋ᠢᠲᠤ ᠬᠡᠰᠡᠭ᠎ᠢ ᠪᠦᠷᠬᠦᠵᠦ᠂ ᠲᠡᠷᠡᠴᠢᠯᠡᠨ ᠤᠯᠠᠭ᠋ᠠᠨᠬᠠᠳᠠ ᠬᠤᠳᠠ ᠬᠢᠭᠡᠳ ᠲᠢᠶᠠᠨᠵᠢᠨ᠂ ᠵᠢᠨᠵᠧᠦ ᠵᠡᠷᠭᠡ ᠭᠠᠵᠠᠷ᠎ᠲᠠᠢ ᠭᠠᠢ᠌ᠯᠢ ᠪᠠᠲᠤᠯᠠᠬᠤ ᠲᠣᠭᠤᠷᠢᠭ ᠭᠠᠷᠠᠮ᠎ᠲᠠᠢ ᠬᠠᠮᠲᠤᠷᠠᠨ ᠬᠥᠳᠡᠯᠦᠯᠴᠡᠬᠦ ᠵᠢ ᠤᠯᠠᠮ ᠴᠢᠨᠠᠭᠰᠢᠳᠠ ᠨᠢᠭᠲᠠᠷᠠᠭᠤᠯᠵᠤ᠂ ᠤᠯᠠᠭ᠋ᠠᠨᠬᠠᠳᠠ ᠬᠤᠳᠠ ᠵᠢᠴᠢ ᠬᠦᠷᠰᠢ ᠵᠡᠷᠭᠡᠯᠡᠳᠡᠭᠡ ᠭᠠᠵᠠᠷ ᠣᠷᠣᠨ᠎ᠤ ᠭᠠᠳᠠᠭᠰᠢᠯ ᠠᠵᠤ ᠠᠬᠤᠶ ᠵᠢᠨ ᠬᠤᠷᠳᠤᠴᠠ᠎ᠪᠠᠨ ᠨᠡᠮᠡᠭᠳᠡᠭᠦᠯᠦᠨ ᠬᠦᠭᠵᠢᠬᠦ ᠵᠢ ᠲᠦᠯᠬᠢᠨ ᠠᠬᠢᠭᠤᠯᠪᠠ᠃ ᠤᠯᠠᠭ᠋ᠠᠨᠬᠠᠳᠠ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠤᠨ ᠲᠣᠭᠤᠷᠢᠨ᠎ᠳᠤ ᠪᠡᠶᠡᠯᠡᠭᠳᠡᠭᠰᠡᠨ ᠰᠦᠯᠵᠢᠶᠡᠨ᠎ᠤ ᠠᠵᠤ ᠠᠬᠤᠶ ᠨᠢ ᠤᠯᠠᠭ᠋ᠠᠨᠬᠠᠳᠠ ᠬᠤᠳᠠ ᠬᠢᠭᠡᠳ ᠬᠦᠷᠰᠢ ᠵᠡᠷᠭᠡᠯᠡᠳᠡᠭᠡ ᠭᠠᠵᠠᠷ ᠣᠷᠣᠨ᠎ᠤ ᠪᠡᠯᠡ ᠮᠥᠩᠭᠥ᠂ ᠲᠧᠭᠨᠢᠭ ᠮᠡᠷᠭᠡᠵᠢᠯ᠂ ᠮᠡᠳᠡᠭᠡ ᠵᠠᠩᠭᠢ᠂ ᠬᠥᠳᠡᠯᠮᠦᠷᠢ ᠵᠢᠨ ᠬᠦᠴᠦ ᠵᠡᠷᠭᠡ ᠦᠢ᠍ᠯᠡᠳᠪᠦᠷᠢᠯᠡᠯ᠎ᠤᠨ ᠴᠢᠬᠤᠯᠠ ᠬᠦᠴᠦᠨ ᠵᠦᠢ᠍ᠯ᠎ᠤᠨ ᠡᠷᠭᠢᠯᠲᠡ ᠵᠢ ᠬᠦᠴᠦᠲᠡᠢ ᠲᠦᠯᠬᠢᠨ ᠠᠬᠢᠭᠤᠯᠵᠤ᠂ ᠠᠳᠠᠯᠢᠳᠬᠠᠯ ᠳᠠᠪᠠᠭᠤᠯᠢᠭ᠎ᠪᠠᠷ ᠵᠶ᠋ᠠᠨ ᠳᠠᠮᠵᠢᠭᠤᠯᠤᠨ᠂ ᠡᠯ᠎ᠡ ᠲᠦᠷᠦᠯ᠎ᠤᠨ ᠦᠢ᠍ᠯᠡᠳᠪᠦᠷᠢᠯᠡᠯ᠎ᠤᠨ ᠴᠢᠬᠤᠯᠠ ᠬᠦᠴᠦᠨ ᠵᠦᠢ᠍ᠯ᠎ᠢ ᠠᠳᠠᠯᠢ ᠪᠤᠰᠤ ᠦᠢ᠍ᠯᠡᠳᠪᠦᠷᠢᠯᠡᠯ᠎ᠤᠨ ᠣᠷᠣᠨ ᠪᠦᠰᠡ ᠵᠢᠨ ᠬᠣᠭᠣᠷᠣᠨᠳᠣ ᠵᠦᠢ ᠵᠣᠬᠢᠰᠲᠠᠶ ᠲᠣᠬᠢᠷᠠᠭᠤᠯᠵᠤ᠂ ᠡᠭᠦᠨ᠎ᠤ ᠤᠯᠠᠮ ᠵᠶ᠋ᠡᠷ ᠬᠦᠷᠰᠢ ᠵᠡᠷᠭᠡᠯᠡᠳᠡᠭᠡ ᠣᠷᠣᠨ᠎ᠤ ᠠᠵᠤ ᠠᠬᠤᠶ ᠵᠢ ᠨᠦᠯᠦᠭᠡᠯᠡᠨ ᠨᠢᠭᠡ ᠴᠣᠭᠴᠠᠵᠢᠭᠤᠯᠬᠤ ᠵᠢ ᠲᠦᠯᠬᠢᠨ ᠠᠬᠢᠭᠤᠯᠬᠤ ᠪᠣᠯᠣᠨ᠎ᠠ᠃
ᠬᠥᠲᠦᠯᠦᠭᠴᠢ᠄
ᠵᠣᠣ ᠡᠷᠬᠢᠯᠡᠭᠴᠢ ᠡ᠂ ᠤᠯᠠᠭ᠋ᠠᠨᠬᠠᠳᠠ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠤᠨ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠨᠢ ᠶᠠᠮᠠᠷ ᠪᠠᠢ᠌ᠬᠤ ᠪᠣᠢ?
ᠵᠣᠣ ᠸᠸᠨ ᡁᠢ᠄
ᠤᠯᠠᠭ᠋ᠠᠨᠬᠠᠳᠠ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠨᠢ ᠤᠯᠠᠭ᠋ᠠᠨᠬᠠᠳᠠ ᠬᠣᠲᠠ ᠵᠢᠨ ᠬᠣᠩ ᠱᠠᠨ ᠲᠣᠭᠤᠷᠢᠭ᠎ᠤᠨ ᠬᠦᠭᠦᠷᠭᠡ ᠵᠢᠨ ᠠᠷᠤ᠎ᠳᠠᠬᠢ ᠡᠳ᠋ ᠪᠠᠷᠠᠭ᠎ᠠ ᠵᠢᠨ ᠭᠦᠢ᠍ᠯᠭᠡᠭᠡᠨ᠎ᠤ ᠬᠦᠷᠢᠶᠡᠯᠡᠩ ᠲᠣᠭᠤᠷᠢᠭ᠎ᠲᠤ ᠪᠠᠢ᠌ᠷᠢᠯᠠᠵᠤ᠂ ᠤᠯᠠᠭ᠋ᠠᠨᠬᠠᠳᠠ ᠬᠣᠲᠠ᠂ ᠬᠤᠩ ᠱᠠᠨ ᠲᠣᠭᠤᠷᠢᠭ᠎ᠤᠨ ᠬᠤᠶᠠᠷ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠤᠷᠳᠤᠨ᠎ᠠᠴᠠ ᠬᠠᠮᠲᠤ᠎ᠪᠠᠷ ᠪᠠᠢ᠌ᠭᠤᠯᠪᠠ᠃ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠤᠨ ᠲᠦᠯᠦᠪᠵᠢᠭᠦᠯᠦᠭᠰᠡᠨ ᠲᠠᠯᠠᠪᠠᠢ᠎ᠨᠢ1.43 ᠲᠡᠭᠰᠢ ᠳᠦᠷᠪᠡᠯᠵᠢᠨ ᠺᠢᠯᠤᠮᠸᠲᠷ᠂ ᠨᠢᠭᠡᠳᠦᠭᠡᠷ ᠬᠤᠭᠤᠴᠠᠭ᠋ᠠᠨ᠎ᠤ ᠬᠦᠷᠢᠶᠡᠯᠡᠭᠰᠡᠨ ᠲᠣᠣᠷ᠎ᠤᠨ ᠲᠠᠯᠠᠪᠠᠢ᠎ᠨᠢ18.41 ᠲᠦᠮᠡᠨ ᠲᠡᠭᠰᠢ ᠳᠦᠷᠪᠡᠯᠵᠢᠨ ᠮᠸᠲᠷ ᠪᠠᠢ᠌ᠵᠤ᠂ ᠲᠦᠷᠦᠯ ᠵᠦᠢ᠍ᠯ᠎ᠤᠨ ᠶᠡᠷᠦᠩᠬᠡᠢ ᠪᠡᠯᠡ ᠣᠷᠤᠭᠤᠯᠤᠯᠲᠠ᠎ᠨᠢ 7.2 ᠳ᠋ᠦᠩᠰᠢᠭᠤᠷ ᠲᠦᠭᠦᠷᠢᠭ ᠪᠣᠯᠤᠨ᠎ᠠ᠃ ᠬᠦᠷᠢᠶᠡᠯᠡᠭᠰᠡᠨ ᠲᠣᠣᠷ᠎ᠤᠨ ᠳᠣᠲᠤᠷ᠎ᠠ ᠲᠥᠪ᠎ᠤᠨ ᠪᠣᠭᠣᠮᠲᠠ ᠵᠢᠨ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠲᠠᠪᠴᠠᠩ᠎ᠲᠠᠢ᠂ ᠬᠠᠲᠠᠭᠤ ᠲᠣᠨᠤᠭ᠎ᠤᠨ ᠪᠦᠲᠦᠭᠡᠨ ᠪᠠᠢ᠌ᠭᠤᠯᠤᠯᠲᠠ ᠭᠡᠪᠡᠯ ᠬᠣᠷᠢᠭ᠎ᠠ ᠵᠢᠴᠢ ᠲᠤᠬᠠᠢ᠌ᠯᠠᠭᠰᠠᠨ ᠠᠵᠢᠯ᠎ᠤᠨ ᠶᠡᠷᠦᠩᠬᠡᠢ᠌ᠯᠡᠭᠰᠡᠨ ᠨᠢᠭᠡ ᠠᠰᠠᠷ ᠪᠣᠢ; ᠬᠢᠯᠢ ᠵᠢᠨ ᠪᠣᠭᠤᠮᠲᠠ ᠵᠢᠨ ᠪᠠᠢ᠌ᠴᠠᠭ᠋ᠠᠨ ᠰᠢᠯᠭ᠋ᠠᠬᠤ ᠬᠦᠮᠦᠷᠭᠡ ᠨᠢᠭᠡ ᠪᠣᠢ; ᠭᠠᠶ᠋ᠢᠯᠢ ᠪᠠᠲᠤᠯᠠᠬᠤ ᠬᠦᠮᠦᠷᠭᠡ 6 ᠪᠠᠢ᠌ᠵᠤ ᠨᠡᠢ᠌ᠲᠡ 3.2 ᠲᠦᠮᠡᠨ ᠲᠡᠭᠰᠢ ᠳᠦᠷᠪᠡᠯᠵᠢᠨ ᠮᠸᠲᠷ ᠲᠠᠯᠠᠪᠠᠢ᠎ᠲᠠᠢ; ᠪᠠᠷᠠᠭ᠎ᠠ ᠣᠪᠤᠭ᠋ᠠᠯᠠᠬᠤ ᠵᠠᠳᠠᠭ᠋ᠠᠢ ᠲᠠᠯᠠᠪᠤᠷ 2 ᠪᠠᠢ᠌ᠵᠤ ᠨᠡᠢ᠌ᠲᠡ 2 ᠲᠦᠮᠡᠨ ᠲᠡᠭᠰᠢ ᠳᠦᠷᠪᠡᠯᠵᠢᠨ ᠮᠸᠲᠷ ᠲᠠᠯᠠᠪᠠᠢ᠎ᠲᠠᠢ᠃ ᠬᠦᠷᠢᠶᠡᠯᠡᠭᠰᠡᠨ ᠲᠣᠣᠷ᠎ᠤᠨ ᠭᠠᠳᠠᠨ᠎ᠠ ᠢᠵᠢ ᠪᠦᠷᠢᠳᠦᠭᠦᠯᠦᠨ ᠪᠦᠲᠦᠭᠡᠨ ᠪᠠᠢ᠌ᠭᠤᠯᠤᠭᠰᠠᠨ 3 ᠵᠣᠷᠪᠤᠰ ᠲᠡᠮᠦᠷ ᠵᠠᠮ᠎ᠤᠨ ᠲᠡᠭᠡᠭᠡᠪᠦᠷᠢ ᠵᠢᠨ ᠲᠤᠰᠬᠠᠢ ᠱᠤᠭᠤᠮ᠎ᠲᠠᠢ᠂ 3 ᠲᠦᠮᠡᠨ ᠲᠦᠮᠡᠨ ᠲᠡᠭᠰᠢ ᠳᠦᠷᠪᠡᠯᠵᠢᠨ ᠮᠸᠲᠷ᠎ᠤᠨ ᠴᠢᠨᠡᠭᠡᠯᠢᠭ᠎ᠤᠨ ᠪᠠᠷᠠᠭ᠎ᠠ ᠣᠪᠤᠭ᠋ᠠᠯᠠᠬᠤ ᠲᠠᠯᠠᠪᠤᠷ ᠵᠢᠴᠢ 1 ᠲᠦᠮᠡᠨ ᠲᠡᠭᠰᠢ ᠳᠦᠷᠪᠡᠯᠵᠢᠨ ᠮᠸᠲᠷ᠎ᠤᠨ ᠦᠷᠲᠡᠭᠡᠨ ᠲᠠᠪᠴᠠᠩ᠎ᠤᠨ ᠤᠷᠳᠤᠳᠬᠠᠭᠰᠠᠨ ᠬᠦᠮᠦᠷᠭᠡ ᠪᠠᠢ᠌ᠨ᠎ᠠ᠃
ᠤᠯᠠᠭ᠋ᠠᠨᠬᠠᠳᠠ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠤᠨ ᠴᠢᠳᠠᠪᠤᠷᠢ ᠵᠢ ᠤᠯᠠᠮ ᠲᠡᠭᠦᠯᠳᠡᠷᠵᠢᠭᠦᠯᠵᠦ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠳᠡᠰ᠎ᠢ ᠳᠡᠪᠰᠢᠭᠦᠯᠬᠦ ᠬᠡᠷᠡᠭᠴᠡᠭᠡ ᠵᠢ ᠬᠠᠩᠭ᠋ᠠᠵᠤ᠂ ᠤᠯᠠᠭ᠋ᠠᠨᠬᠠᠳᠠ ᠵᠢᠨ ᠠᠷᠠᠯᠵᠢᠶ᠎ᠠ ᠬᠤᠳᠠᠯᠳᠤᠭ᠋ᠠᠨ᠎ᠤ ᠦᠢ᠍ᠯᠡᠰ᠎ᠤᠨ ᠬᠦᠭᠵᠢᠯᠲᠡ ᠵᠢᠨ ᠪᠦᠲᠦᠴᠡ ᠵᠢ ᠰᠢᠯᠢᠳᠡᠭᠵᠢᠭᠦᠯᠬᠦ ᠵᠢᠨ ᠲᠤᠰᠠᠳᠠ᠂ 2015 ᠣᠨ᠎ᠤ 5 ᠳ᠋ᠤᠭ᠋ᠠᠷ ᠰᠠᠷ᠎ᠠ᠎ᠳᠤ ᠤᠯᠠᠭ᠋ᠠᠨᠬᠠᠳᠠ ᠭᠠᠶ᠋ᠢᠯᠢ ᠪᠠᠲᠤᠯᠠᠬᠤ ᠲᠠᠸᠠᠷ᠎ᠤᠨ ᠦᠵᠡᠭᠦᠯᠦᠯᠭᠡ ᠠᠷᠠᠯᠵᠢᠶ᠎ᠠ ᠰᠣᠯᠢᠯᠴᠠᠭ᠋ᠠᠨ᠎ᠤ ᠲᠥᠪ᠎ᠤᠨ ᠪᠦᠲᠦᠭᠡᠨ ᠪᠠᠢ᠌ᠭᠤᠯᠤᠯᠲᠠ ᠪᠠ ᠪᠡᠯᠡᠳᠬᠡᠯ ᠠᠵᠢᠯ᠎ᠢ ᠵᠢᠩᠬᠢᠨᠢ᠎ᠪᠠᠷ ᠡᠬᠢᠯᠡᠭᠦᠯᠵᠦ᠂ 8 ᠳ᠋ᠤᠭ᠋ᠠᠷ ᠰᠠᠷ᠎ᠠ ᠵᠢᠨ 16᠎ᠤ ᠡᠳᠦᠷ ᠵᠢᠩᠬᠢᠨᠢ᠎ᠪᠠᠷ ᠠᠰᠢᠭᠯᠠᠯᠲᠠ᠎ᠳᠤ ᠣᠷᠤᠭᠤᠯᠪᠠ᠃ ᠤᠯᠠᠭ᠋ᠠᠨᠬᠠᠳᠠ ᠭᠠᠶ᠋ᠢᠯᠢ ᠪᠠᠲᠤᠯᠠᠬᠤ ᠲᠠᠸᠠᠷ᠎ᠤᠨ ᠦᠵᠡᠭᠦᠯᠦᠯᠭᠡ ᠠᠷᠠᠯᠵᠢᠶ᠎ᠠ ᠰᠣᠯᠢᠯᠴᠠᠭ᠋ᠠᠨ᠎ᠤ ᠲᠥᠪ᠎ᠤᠨ ᠪᠠᠷᠢᠯᠭ᠎ᠠ ᠵᠢᠨ ᠲᠠᠯᠠᠪᠠᠢ᠎ᠨᠢ 2400 ᠲᠡᠭᠰᠢ ᠳᠦᠷᠪᠡᠯᠵᠢᠨ ᠮᠸᠲᠷ ᠪᠠᠢ᠌ᠵᠤ᠂ ᠨᠡᠢ᠌ᠲᠡ 1200 ᠲᠦᠮᠡᠨ ᠲᠦᠭᠦᠷᠢᠭ᠎ᠤᠨ ᠪᠡᠯᠡ ᠣᠷᠤᠭᠤᠯᠵᠤ᠂ 《ᠡᠮᠦᠨ᠎ᠡ᠎ᠨᠢ ᠳᠡᠯᠭᠡᠭᠦᠷ + ᠬᠣᠢ᠌ᠨ᠎ᠠ᠎ᠨᠢ ᠬᠦᠮᠦᠷᠭᠡ》 ᠵᠢᠨ ᠴᠢᠳᠠᠮᠵᠢ᠎ᠲᠠᠢ ᠪᠠᠢ᠌ᠷᠢᠰᠢᠭᠤᠯᠵᠤ᠂ ᠡᠮᠦᠨᠡᠬᠢ ᠳᠡᠯᠭᠡᠭᠦᠷ᠎ᠢ ᠭᠠᠶ᠋ᠢᠯᠢ ᠪᠠᠲᠤᠯᠠᠬᠤ ᠲᠠᠸᠠᠷ᠎ᠤᠨ ᠦᠵᠡᠭᠦᠯᠦᠯᠭᠡ ᠠᠷᠠᠯᠵᠢᠶ᠎ᠠ ᠰᠣᠯᠢᠯᠴᠠᠭ᠋ᠠᠨ᠎ᠤ ᠲᠥᠪ᠂ ᠬᠣᠢ᠌ᠨᠠᠬᠢ ᠬᠦᠮᠦᠷᠭᠡ ᠵᠢ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠤᠨ ᠭᠠᠶ᠋ᠢᠯᠢ ᠪᠠᠲᠤᠯᠠᠬᠤ ᠬᠦᠮᠦᠷᠭᠡ ᠪᠣᠯᠭ᠋ᠠᠵᠤ᠂ ᠳᠣᠲᠤᠷ᠎ᠠ᠎ᠨᠢ 3 ᠴᠢᠳᠠᠮᠵᠢ ᠵᠢᠨ ᠲᠣᠭᠤᠷᠢᠭ ᠪᠠᠢ᠌ᠭᠤᠯᠵᠤ᠂ ᠲᠤᠰ ᠲᠤᠰ ᠭᠠᠶ᠋ᠢᠯᠢ ᠪᠠᠲᠤᠯᠠᠬᠤ ᠲᠠᠸᠠᠷ᠎ᠤᠨ ᠦᠵᠡᠭᠦᠯᠦᠯᠭᠡ ᠪᠠ ᠠᠷᠠᠯᠵᠢᠶ᠎ᠠ ᠰᠣᠯᠢᠯᠴᠠᠭ᠋ᠠᠨ᠎ᠤ ᠲᠣᠭᠤᠷᠢᠭ᠂ ᠠᠵᠢᠯᠯᠠᠬᠤ ᠲᠣᠭᠤᠷᠢᠭ ᠪᠠ ᠵᠥᠪᠯᠡᠨ ᠶᠠᠷᠢᠯᠴᠠᠬᠤ ᠲᠣᠭᠤᠷᠢᠭ ᠭᠠᠷᠭ᠋ᠠᠵᠠᠢ᠃
ᠠᠰᠳᠠᠭ᠋ᠠᠨ ᠪᠠᠰᠠ ᠤᠯᠤᠰ᠎ᠤᠨ ᠮᠢᠬᠠᠨ᠎ᠤ ᠲᠦᠷᠦᠯ ᠵᠢᠴᠢ ᠲᠡᠭᠦᠨ᠎ᠤ ᠪᠦᠲᠦᠭᠡᠭᠳᠡᠬᠦᠨ᠎ᠢ ᠪᠠᠢ᠌ᠴᠠᠭ᠋ᠠᠨ ᠰᠢᠯᠭ᠋ᠠᠬᠤ ᠤᠷᠤᠨ ᠬᠤᠪᠢᠶᠠᠷᠢ ᠵᠢᠨ ᠴᠢᠨᠠᠷᠲᠠᠢ ᠭᠣᠣᠯ ᠲᠤᠷᠰᠢᠯᠲᠠ ᠵᠢᠨ ᠲᠠᠰᠤᠭ ᠵᠢᠴᠢ ᠢᠵᠢ ᠪᠦᠷᠢᠳᠦᠭᠦᠯᠦᠭᠰᠡᠨ ᠪᠡᠯᠡᠳᠭᠡᠮᠵᠢ ᠵᠢ ᠨᠢᠭᠡᠨᠲᠡ ᠪᠠᠢ᠌ᠭᠤᠯᠤᠨ ᠳᠠᠭᠤᠰᠴᠤ᠂ ᠣᠳᠣ ᠶᠠᠭ ᠦᠷᠦᠭᠡᠨ ᠳᠣᠲᠤᠷᠠᠬᠢ ᠵᠢ᠎ᠨᠢ ᠵᠠᠰᠠᠨ ᠴᠢᠮᠡᠵᠦ ᠪᠠᠢ᠌ᠨ᠎ᠠ᠃ ᠤᠯᠤᠰ᠎ᠤᠨ ᠮᠢᠬᠠᠨ᠎ᠤ ᠲᠦᠷᠦᠯ ᠵᠢᠴᠢ ᠲᠡᠭᠦᠨ᠎ᠤ ᠪᠦᠲᠦᠭᠡᠭᠳᠡᠬᠦᠨ᠎ᠢ ᠪᠠᠢ᠌ᠴᠠᠭ᠋ᠠᠨ ᠰᠢᠯᠭ᠋ᠠᠬᠤ ᠤᠷᠤᠨ ᠬᠤᠪᠢᠶᠠᠷᠢ ᠵᠢᠨ ᠴᠢᠨᠠᠷᠲᠠᠢ ᠭᠣᠣᠯ ᠲᠤᠷᠰᠢᠯᠲᠠ ᠵᠢᠨ ᠲᠠᠰᠤᠭ᠎ᠢ ᠪᠠᠢ᠌ᠭᠤᠯᠤᠭᠰᠠᠨ᠎ᠨᠢ ᠤᠯᠠᠭ᠋ᠠᠨᠬᠠᠳᠠ ᠵᠢᠨ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠤᠨ ᠬᠢᠯᠢ᠎ᠪᠠᠷ ᠣᠷᠣᠭᠤᠯᠵᠤ ᠭᠠᠷᠭ᠋ᠠᠬᠤ ᠲᠠᠸᠠᠷ ᠦᠢ᠍ᠯᠡᠴᠢᠯᠡᠭᠡ ᠵᠢ ᠬᠢᠨᠠᠨ ᠬᠠᠮᠢᠶᠠᠷᠬᠤ ᠴᠢᠳᠠᠪᠤᠷᠢ ᠵᠢ ᠤᠯᠠᠮ ᠳᠡᠭᠡᠭᠰᠢᠯᠡᠭᠦᠯᠬᠦ ᠪᠣᠯᠤᠨ᠎ᠠ᠃
ᠬᠦᠲᠦᠯᠦᠭᠴᠢ᠄
ᠣᠳᠣ ᠶᠠᠮᠠᠷ ᠶᠠᠮᠠᠷ ᠰᠠᠯᠠᠭ᠎ᠠ ᠮᠦᠴᠢᠷ ᠨᠢᠭᠡᠨᠲᠡ ᠲᠥᠪ᠎ᠲᠤ ᠣᠷᠤᠵᠤ ᠰᠠᠭᠤᠭᠰᠠᠨ ᠪᠣᠢ? ᠲᠥᠪ᠎ᠲᠤ ᠣᠷᠤᠵᠤ ᠰᠠᠭᠤᠭᠰᠠᠨ ᠠᠵᠤ ᠠᠬᠤᠢ᠌ᠯᠠᠯ ᠶᠠᠮᠠᠷ ᠶᠠᠮᠠᠷ ᠬᠠᠷᠠᠭ᠋ᠠᠯᠵᠠᠯ᠎ᠤᠨ ᠲᠥᠷᠦ ᠵᠢᠨ ᠪᠣᠳᠤᠯᠭ᠎ᠠ ᠬᠦᠷᠲᠡᠬᠦ ᠪᠣᠢ?
ᠣᠳᠣᠬᠠᠨ᠎ᠳᠤ᠂ ᠬᠢᠯᠢ ᠵᠢᠨ ᠪᠣᠭᠤᠮᠲᠠ᠂ ᠰᠢᠯᠭ᠋ᠠᠨ ᠪᠠᠶ᠋ᠢᠴᠠᠭ᠋ᠠᠬᠤ ᠬᠢᠵᠢᠭ ᠪᠠᠶ᠋ᠢᠴᠠᠭ᠋ᠠᠬᠤ᠂ ᠪᠠᠩᠬᠢ᠂ ᠭᠠᠢ᠌ᠯᠢ ᠵᠢᠨ ᠶᠠᠪᠤᠳᠠᠯ᠂ ᠳᠠᠭ᠋ᠠᠳᠬᠠᠯ᠂ ᠭᠠᠳᠠᠭ᠋ᠠᠳᠤ ᠭᠤᠪᠢᠭᠤᠯᠭ᠎ᠠ᠂ ᠡᠳ᠋ ᠪᠠᠷᠠᠭ᠎ᠠ ᠣᠷᠣᠯᠠᠨ ᠭᠦᠢ᠍ᠴᠡᠳᠬᠡᠬᠦ ᠵᠡᠷᠭᠡ ᠰᠠᠯᠠᠭ᠎ᠠ ᠮᠦᠴᠢᠷ᠎ᠤᠳ ᠲᠥᠪ᠎ᠲᠤ ᠣᠷᠤᠵᠤ ᠰᠠᠭᠤᠪᠠ᠃ ᠱᠠᠩᠬᠠᠶ ᠵᠢᠨ ᠴᠢᠯᠥᠭᠡᠲᠦ ᠠᠷᠠᠯᠵᠢᠶᠠᠨ᠎ᠤ ᠣᠷᠣᠨ᠎ᠤ ᠬᠢᠯᠢ ᠵᠢᠨ ᠪᠣᠭᠣᠮᠲᠠ ᠵᠢᠨ ᠬᠢᠨᠠᠯᠲᠠ ᠬᠠᠮᠢᠶᠠᠷᠤᠯᠲᠠ ᠵᠢᠨ ᠰᠢᠨ᠎ᠡ ᠡᠭᠦᠳᠦᠯᠲᠡ ᠵᠢᠨ 14 ᠳᠦᠷᠢᠮ᠎ᠢ ᠲᠥᠪᠲᠡᠭᠡᠨ ᠰᠢᠯᠵᠢᠭᠦᠯᠵᠦ ᠪᠣᠯᠬᠤ ᠪᠦᠭᠡᠳ ᠣᠳᠣ ᠨᠢᠭᠡᠨᠲᠡ 《ᠤᠷᠢᠳᠠᠪᠡᠷ ᠲᠣᠭᠤᠷᠢᠭ᠎ᠲᠤ ᠣᠷᠤᠵᠤ ᠳᠠᠷᠠᠭ᠎ᠠ᠎ᠨᠢ ᠪᠣᠭᠣᠮᠲᠠ᠎ᠳᠤ ᠮᠡᠳᠡᠭᠦᠯᠬᠦ》᠂ 《ᠲᠣᠭᠤᠷᠢᠭ᠎ᠤᠨ ᠳᠣᠲᠤᠷ᠎ᠠ ᠦᠪᠡᠰᠦᠪᠡᠨ ᠲᠡᠭᠡᠭᠡᠪᠦᠷᠢᠯᠡᠬᠦ》᠂ 《ᠭᠠᠶ᠋ᠢᠯᠢ ᠪᠠᠲᠤᠯᠠᠬᠤ ᠦᠵᠡᠭᠦᠯᠦᠯᠭᠡ ᠵᠢᠨ ᠰᠣᠯᠢᠯᠴᠠᠭ᠎ᠠ ᠠᠷᠠᠯᠵᠢᠶ᠎ᠠ ᠬᠢᠬᠦ》᠂ 《ᠪᠣᠭᠣᠮᠲᠠ᠎ᠪᠠᠷ ᠥᠩᠭᠡᠷᠡᠬᠦ ᠠᠵᠢᠯ᠎ᠤᠨ ᠳᠠᠭ᠋ᠠᠯᠳᠤᠭᠤᠯᠬᠤ ᠬᠠᠭᠤᠳᠠᠰᠤ ᠪᠠᠷᠢᠮᠲᠠ ᠵᠢ ᠳᠦᠭᠦᠮᠴᠢᠯᠡᠬᠦ》᠂ 《ᠨᠠᠷᠢᠨ ᠳᠠᠩᠰᠠ ᠵᠢ ᠨᠢᠭᠡᠳᠦᠯᠲᠡᠶ ᠳᠠᠩᠰᠠᠯᠠᠬᠤ》᠂ 《ᠪᠦᠭᠡᠮ ᠤᠳᠠᠭ᠎ᠠ᠎ᠪᠠᠷ ᠣᠷᠤᠭᠤᠯᠵᠤ ᠭᠠᠷᠭ᠋ᠠᠬᠤ ᠵᠢ ᠲᠥᠪᠯᠡᠷᠡᠭᠦᠯᠦᠨ ᠭᠤᠶᠤᠴᠢᠯᠠᠬᠤ》᠂ 《ᠲᠥᠪᠯᠡᠷᠡᠭᠦᠯᠦᠨ ᠬᠤᠷᠢᠶᠠᠩᠭᠤᠢ᠌ᠯᠠᠵᠤ ᠪᠠᠢ᠌ᠭ᠋ᠠᠳ ᠭᠠᠢ᠌ᠯᠢ ᠲᠤᠰᠢᠶᠠᠬᠤ》 ᠪᠠ 《ᠤᠶᠤᠨᠴᠢᠯᠠᠭᠰᠠᠨ ᠬᠣᠷᠢᠭ᠎ᠠ᠎ᠪᠠᠷ ᠰᠢᠯᠭ᠋ᠠᠨ ᠪᠠᠢ᠌ᠴᠠᠭ᠋ᠠᠬᠤ ᠦᠩᠭᠡᠷᠡᠭᠦᠯᠬᠦ ᠬᠠᠮᠢᠶᠠᠷᠬᠤ》 ᠵᠡᠷᠭᠡ ᠨᠠᠢ᠍ᠮᠠᠨ ᠵᠦᠢ᠍ᠯ᠎ᠤᠨ ᠲᠤᠬᠠᠢ᠌ᠯᠠᠭᠰᠠᠨ ᠠᠵᠢᠯ᠎ᠢ ᠦᠷᠨᠢᠭᠦᠯᠵᠦ᠂ ᠲᠥᠪ᠎ᠤᠨ 《ᠨᠢᠭᠡ ᠦᠷᠲᠡᠭᠡᠨ᠎ᠤ ᠬᠡᠯᠪᠡᠷᠢ》 ᠵᠢᠨ ᠲᠦᠷᠭᠡᠨ ᠵᠶ᠋ᠡᠷ ᠪᠣᠭᠤᠮᠲᠠ ᠦᠩᠭᠡᠷᠡᠭᠦᠯᠬᠦ ᠵᠠᠭᠪᠤᠷ᠎ᠢ ᠠᠮᠢᠳᠤᠯᠢᠭ ᠪᠣᠯᠭ᠋ᠠᠪᠠ᠃ ᠪᠣᠰᠤᠳ ᠬᠠᠷᠠᠭ᠋ᠠᠯᠵᠠᠯ ᠦᠵᠡᠭᠦᠯᠬᠦ ᠲᠦᠷᠦ ᠵᠢᠨ ᠪᠤᠳᠤᠯᠭ᠎ᠠ ᠵᠢᠨ ᠲᠠᠯ᠎ᠪᠠᠷ᠂ ᠣᠷᠤᠵᠤ ᠰᠠᠭᠤᠭᠰᠠᠨ ᠠᠵᠤ ᠠᠬᠤᠢ᠌ᠯᠠᠯ ᠪᠠᠰᠠ 《ᠨᠢᠭᠡᠳᠦᠭᠡᠷ ᠵᠢᠯ᠎ᠳᠤ ᠬᠡᠯᠲᠦᠷᠢᠭᠦᠯᠦᠨ ᠬᠤᠶᠠᠳᠤᠭ᠋ᠠᠷ ᠵᠢᠯ᠎ᠳᠤ ᠬᠠᠭ᠋ᠠᠰ᠎ᠢ ᠬᠠᠰᠤᠬᠤ》 ᠭᠠᠶ᠋ᠢᠯᠢ ᠪᠠᠲᠤᠯᠠᠬᠤ ᠬᠦᠮᠦᠷᠭᠡ ᠵᠢ ᠳᠦᠷᠢᠶᠡᠰᠦᠯᠡᠬᠦ ᠲᠦᠷᠦ ᠵᠢᠨ ᠪᠤᠳᠤᠯᠭ᠎ᠠ ᠵᠢ ᠬᠦᠷᠲᠡᠵᠦ ᠪᠣᠯᠤᠨ᠎ᠠ᠂ ᠲᠤᠬᠠᠢ᠌ᠯᠠᠪᠠᠯ 2015 ᠣᠨ᠎ᠳᠤ ᠲᠥᠪ᠎ᠲᠤ ᠣᠷᠤᠵᠤ ᠰᠠᠭᠤᠭᠰᠠᠨ ᠠᠵᠤ ᠠᠬᠤᠢ᠌ᠯᠠᠯ᠎ᠠᠴᠠ ᠭᠠᠶ᠋ᠢᠯᠢ ᠪᠠᠲᠤᠯᠠᠬᠤ ᠬᠦᠮᠦᠷᠭᠡ᠎ᠳᠤ ᠬᠥᠮᠥᠷᠭᠡᠯᠡᠨ ᠬᠠᠳᠠᠭ᠋ᠠᠯᠠᠬᠤ ᠰᠦᠢ᠍ᠳᠬᠡᠯ᠎ᠢ ᠥᠯᠥ ᠬᠤᠷᠢᠶᠠᠬᠤ᠂ 2016 ᠣᠨ᠎ᠠᠴᠠ2017 ᠣᠨ᠎ᠳᠤ ᠲᠥᠪ᠎ᠲᠤ ᠣᠷᠤᠵᠤ ᠰᠠᠭᠤᠭᠰᠠᠨ ᠠᠵᠤ ᠠᠬᠤᠢ᠌ᠯᠠᠯ᠎ᠠᠴᠠ ᠭᠠᠶ᠋ᠢᠯᠢ ᠪᠠᠲᠤᠯᠠᠬᠤ ᠬᠦᠮᠦᠷᠭᠡ᠎ᠳᠤ ᠬᠥᠮᠥᠷᠭᠡᠯᠡᠨ ᠬᠠᠳᠠᠭ᠋ᠠᠯᠠᠬᠤ ᠰᠦᠢ᠍ᠳᠬᠡᠯ᠎ᠢ ᠬᠠᠭ᠋ᠠᠰ ᠵᠶ᠋ᠠᠷ ᠬᠤᠷᠢᠶᠠᠬᠤ ᠪᠣᠯᠤᠨ᠎ᠠ᠃ ᠡᠭᠦᠨ᠎ᠤ ᠬᠠᠮᠲᠤ ᠲᠥᠪ᠎ᠲᠤ ᠣᠷᠤᠵᠤ ᠰᠠᠭᠤᠬᠤ ᠠᠵᠤ ᠠᠬᠤᠢ᠌ᠯᠠᠯ᠎ᠤᠨ ᠪᠠᠢ᠌ᠭᠤᠯᠬᠤ᠂ ᠬᠤᠪᠢᠷᠠᠭᠤᠯᠬᠤ᠂ ᠲᠠᠨᠭ᠌ᠰᠠ ᠡᠪᠬᠡᠮᠡᠯ᠎ᠢ ᠪᠠᠶ᠋ᠢᠴᠠᠭ᠋ᠠᠨ ᠠᠰᠠᠭᠤᠬᠤ᠂ ᠡᠵᠡᠩᠨᠡᠯᠲᠡ ᠵᠢᠨ ᠦᠨᠡᠮᠯᠡᠯ᠎ᠤᠨ ᠬᠥᠯᠥᠰᠥ ᠦᠷᠳᠡᠭ᠎ᠤᠨ ᠵᠠᠷᠤᠳᠠᠯ ᠪᠣᠯᠤᠨ ᠭᠠᠳᠠᠭ᠋ᠠᠳᠤ ᠵᠢᠨ ᠠᠷᠠᠯᠵᠢᠶᠠᠴᠢᠨ᠎ᠤ ᠪᠡᠯᠡ ᠣᠷᠤᠭᠤᠯᠤᠭᠰᠠᠨ ᠠᠵᠤ ᠠᠬᠤᠢ᠌ᠯᠠᠯ᠎ᠤᠨ ᠪᠠᠶ᠋ᠢᠭᠤᠯᠬᠤ ᠳᠠᠩᠰᠠᠯᠠᠭᠤᠯᠬᠤ ᠪᠠ ᠬᠤᠪᠢᠷᠠᠭᠤᠯᠬᠤ ᠵᠠᠷᠤᠳᠠᠯ᠂ ᠣᠨ᠎ᠤ ᠪᠠᠶ᠋ᠢᠴᠠᠭ᠋ᠠᠯᠲᠠ ᠵᠡᠷᠭᠡ ᠠᠵᠤ ᠦᠢ᠍ᠯᠡᠳᠪᠦᠷᠢ ᠬᠤᠳᠠᠯᠳᠤᠭ᠋ᠠᠨ᠎ᠤ ᠵᠠᠷᠤᠳᠠᠯ᠎ᠢ ᠬᠡᠯᠲᠦᠷᠢᠭᠦᠯᠦᠨ᠎ᠡ᠃
ᠬᠦᠲᠦᠯᠦᠭᠴᠢ᠄
ᠵᠣᠤ ᠡᠷᠬᠢᠯᠡᠭᠴᠢ ᠡ᠂ ᠣᠳᠣᠬᠠᠨ᠎ᠳᠤ ᠲᠥᠪ᠎ᠤᠨ ᠡᠵᠡᠩᠨᠡᠯᠲᠡ ᠵᠢᠨ ᠪᠠᠶ᠋ᠢᠳᠠᠯ᠎ᠨᠢ ᠶᠠᠮᠠᠷ ᠪᠠᠢ᠌ᠨ᠎ᠠ ᠪᠣᠢ?
ᠵᠣᠣ ᠸᠸᠨ ᡁᠢ᠄
ᠣᠳᠣᠬᠠᠨ᠎ᠳᠤ᠂ ᠲᠥᠪ᠎ᠲᠤ ᠣᠷᠤᠵᠤ ᠰᠠᠭᠤᠭᠰᠠᠨ ᠠᠵᠤ ᠠᠬᠤᠢ᠌ᠯᠠᠯ 14 ᠪᠠᠢ᠌ᠵᠤ᠂ ᠲᠤᠬᠠᠢ᠌ᠯᠠᠭᠰᠠᠨ ᠠᠵᠢᠯ᠎ᠤᠨ ᠠᠵᠢᠯᠯᠠᠭ᠎ᠠ 206 ᠤᠳᠠᠭ᠎ᠠ ᠦᠷᠨᠢᠭᠦᠯᠪᠡ᠃ ᠭᠠᠳᠠᠭ᠋ᠠᠳᠤ᠎ᠳᠤ ᠭᠠᠷᠭ᠋ᠠᠵᠤ ᠪᠠᠢ᠌ᠭ᠎ᠠ ᠲᠠᠸᠠᠷ᠎ᠨᠢ ᠭᠣᠣᠯᠳᠠᠭᠤ ᠤᠯᠠᠭ᠋ᠠᠨᠬᠠᠳᠠ ᠵᠢᠨ ᠸᠸᠢ ᠰᠢᠨ ᠺᠣᠮᠫᠠᠨᠢ᠎ᠠᠴᠠ ᠶᠠᠫᠤᠨ᠎ᠤ ᠶᠤᠺᠤᠬᠠᠮᠠ᠂ ᠤᠤᠰᠠᠺᠠ᠎ᠳᠤ ᠭᠠᠷᠭ᠋ᠠᠵᠤ ᠪᠠᠢ᠌ᠭ᠎ᠠ ᠬᠣᠨᠢᠨ᠎ᠤ ᠬᠠᠢ᠌ᠴᠢᠮᠠᠯ ᠨᠣᠯᠤᠤᠷ᠎ᠤᠨ ᠲᠠᠩᠽᠢ ᠳᠡᠪᠢᠰᠬᠡᠷ; ᠦᠪᠦᠷ ᠮᠣᠩᠭᠣᠯ᠎ᠤᠨ ᠢ ᠫᠢᠩ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠺᠣᠮᠫᠠᠨᠢ᠎ᠠᠴᠠ ᠸᠢᠶᠧᠲᠨᠡᠮᠤᠨ ᠳᠠᠯᠠᠢ ᠵᠢᠨ ᠬᠠᠮᠠᠭ᠋ᠠᠯᠠᠯᠲᠠ᠎ᠳᠤ ᠭᠠᠷᠭ᠋ᠠᠵᠤ ᠪᠠᠢ᠌ᠭ᠎ᠠ ᠯᠢᠰᠢᠨ ᠬᠦᠴᠢᠯ; ᠦᠪᠦᠷ ᠮᠣᠩᠭᠣᠯ᠎ᠤᠨ ᠭ᠋ᠸᠯᠢᠨᠲ ᠡᠮ ᠦᠢ᠍ᠯᠡᠳᠬᠦ ᠺᠣᠮᠫᠠᠨᠢ᠎ᠠᠴᠠ ᠫᠠᠺᠢᠰᠲ᠋ᠠᠨ᠎ᠤ ᠺᠠᠷᠠᠴᠢᠳᠤ ᠭᠠᠷᠭ᠋ᠠᠵᠤ ᠪᠠᠢ᠌ᠭ᠎ᠠ ᠰᠢᠩᠭᠡᠨ ᠶᠡᠭᠦᠯᠡᠬᠦ ᠪᠠᠭ᠋ᠠᠵᠢ᠂ ᠡᠨᠡᠳᠬᠡᠭ᠎ᠤᠨ ᠨᠠᠸᠠᠰᠢᠸᠠ ᠭᠠᠷᠭ᠋ᠠᠵᠤ ᠪᠠᠢ᠌ᠭ᠎ᠠ ᠭ᠋ᠷᠢᠰᠧᠤᠹᠦ᠋ᠯᠸᠢᠢ᠍ᠨ ᠵᠡᠷᠭᠡ ᠪᠠᠢ᠌ᠨ᠎ᠠ᠃ ᠣᠷᠤᠭᠤᠯᠵᠤ ᠪᠠᠢ᠌ᠭ᠎ᠠ ᠲᠠᠸᠠᠷ᠎ᠨᠢ ᠭᠣᠣᠯᠳᠠᠭᠤ ᠺᠣᠷᠢᠶᠠ ᠵᠢᠨ ᠵᠠᠰᠠᠯ ᠴᠢᠮᠡᠭ᠎ᠤᠨ ᠡᠳ᠋᠂ ᠬᠡᠷ᠎ᠤᠨ ᠴᠠᠬᠢᠯᠭ᠋ᠠᠨ ᠬᠡᠷᠡᠭᠰᠡᠯ ᠪᠠ ᠬᠤᠪᠴᠠᠰᠤ ᠬᠤᠨᠠᠷ᠂ ᠶᠠᠫᠤᠨ᠎ᠤ ᠵᠢᠷᠮᠦᠰᠦᠨ ᠡᠬᠡᠨᠡᠷ ᠪᠠ ᠨᠢᠯᠬ᠎ᠠ ᠬᠡᠤᠬᠡᠳ᠎ᠤᠨ ᠬᠡᠷᠡᠭᠰᠡᠯ᠂ ᠧᠦ᠋ᠷᠣᠫᠠ ᠲᠢᠪ᠎ᠤᠨ ᠤᠯᠠᠭ᠋ᠠᠨ ᠠᠷᠢᠬᠢ᠂ ᠤᠮᠠᠷᠠᠲᠤ ᠠᠮᠧᠷᠢᠺᠠ ᠲᠢᠪ᠎ᠤᠨ ᠢᠳᠡᠭᠡᠨ᠂ ᠣᠷᠣᠰ᠎ᠤᠨ ᠭᠤᠯᠢᠷ ᠵᠢᠴᠢ ᠦᠺᠷᠠᠢ᠍ᠨᠤ ᠨᠡᠷᠡᠨ ᠬᠤᠸᠠᠷ᠎ᠤᠨ ᠲᠣᠰᠣ ᠵᠡᠷᠭᠡ ᠪᠠᠢ᠌ᠵᠤ᠂ 10 ᠭᠠᠷᠤᠢ ᠤᠯᠤᠰ ᠤᠷᠤᠨ᠎ᠳᠤ ᠬᠣᠯᠪᠤᠭᠳᠠᠬᠤ 1600 ᠭᠠᠷᠤᠢ ᠲᠠᠸᠠᠷ ᠪᠠᠢ᠌ᠨ᠎ᠠ᠃ ᠣᠷᠤᠭᠤᠯᠵᠤ ᠭᠠᠷᠭ᠋ᠠᠵᠤ ᠪᠠᠢ᠌ᠭ᠎ᠠ ᠬᠢᠨᠠᠨ ᠬᠠᠮᠢᠶᠠᠷᠬᠤ ᠪᠠᠷᠠᠭ᠎ᠠ ᠵᠢᠨ ᠦᠷᠲᠡᠭ᠎ᠨᠢ 2000 ᠭᠠᠷᠤᠢ ᠲᠦᠮᠡᠨ ᠲᠦᠭᠦᠷᠢᠭ ᠬᠦᠷᠴᠦ᠂ 200 ᠭᠠᠷᠤᠢ ᠲᠦᠮᠡᠨ ᠲᠦᠭᠦᠷᠢᠭ᠎ᠤᠨ ᠭᠠᠢ᠌ᠯᠢ ᠲᠤᠰᠢᠶᠠᠵᠤ ᠪᠠᠢ᠌ᠨ᠎ᠠ᠃
ᠬᠥᠲᠥᠯᠥᠭᠴᠢ᠄
ᠡᠨᠡ ᠵᠢᠯ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠨᠢ ᠶᠠᠮᠠᠷ ᠶᠠᠮᠠᠷ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠡᠭᠦᠷᠭᠡᠯᠡᠭᠰᠡᠨ ᠪᠤᠢ?
ᠵᠣᠣ ᠸᠸᠨ ᡁᠢ᠄
ᠡᠨᠡ ᠵᠢᠯ᠎ᠤᠨ ᠠᠵᠢᠯ᠎ᠢ ᠭᠣᠣᠯᠳᠠᠭᠤ ᠳᠣᠣᠷᠠᠬᠢ ᠵᠢᠷᠭᠤᠭ᠋ᠠᠨ ᠵᠦᠢ᠍ᠯ᠎ᠤᠨ ᠭᠣᠣᠯᠳᠠᠯᠭ᠎ᠠ ᠵᠢᠨ ᠲᠣᠭᠣᠷᠢᠨ᠎ᠳᠤ ᠥᠷᠨᠢᠭᠦᠯᠪᠡ᠃ ᠪᠣᠳᠠᠲᠠᠶ᠎ᠪᠠᠷ ᠬᠡᠯᠡᠪᠡᠯ᠄
ᠨᠢᠭᠡ᠎ᠳᠤ ᠣᠷᠣᠨ ᠬᠤᠪᠢᠶᠠᠷᠢ ᠵᠢᠨ ᠪᠣᠭᠣᠮᠲᠠ ᠥᠩᠭᠡᠷᠡᠬᠦ ᠵᠢ ᠨᠢᠭᠡ ᠴᠤᠭᠴᠠᠵᠢᠭᠤᠯᠬᠤ ᠥᠭᠡᠷᠡᠴᠢᠯᠡᠯᠲᠡ ᠵᠢ ᠠᠬᠢᠭᠤᠯᠵᠤ᠂ ᠠᠵᠤ ᠠᠬᠤᠶ᠋ᠢᠯᠠᠯ᠎ᠤᠳ᠎ᠲᠤ ᠪᠣᠭᠣᠮᠲᠠ᠎ᠪᠠᠷ ᠥᠩᠭᠡᠷᠡᠬᠦ᠎ᠳᠤ ᠲᠥᠬᠥᠮ ᠦᠵᠡᠭᠦᠯᠪᠡ᠃ ᠰᠠᠯᠠᠭ᠎ᠠ ᠮᠥᠴᠢᠷ᠎ᠤᠳ᠎ᠤᠨ ᠨᠡᠪᠲᠡᠷᠡᠯᠴᠡᠭᠡᠨ ᠵᠣᠬᠢᠴᠠᠯᠳᠤᠬᠤ ᠵᠢ ᠴᠢᠩᠭ᠋ᠠᠳᠬᠠᠵᠤ᠂ 《ᠨᠢᠭᠡ ᠤᠳᠠᠭ᠎ᠠ ᠭᠤᠶᠤᠴᠢᠯᠠᠬᠤ᠂ ᠨᠢᠭᠡ ᠤᠳᠠᠭ᠎ᠠ ᠪᠠᠶ᠋ᠢᠴᠠᠭ᠋ᠠᠨ ᠰᠢᠯᠭ᠋ᠠᠬᠤ᠂ ᠨᠢᠭᠡ ᠤᠳᠠᠭ᠎ᠠ ᠳᠡᠭᠡᠷ᠎ᠡ ᠥᠩᠭᠡᠷᠡᠭᠦᠯᠬᠦ》 ᠬᠡᠪ ᠵᠠᠭᠪᠤᠷ᠎ᠢ ᠳᠡᠯᠭᠡᠷᠡᠭᠦᠯᠬᠦ ᠠᠵᠢᠯ᠎ᠢ ᠭᠣᠣᠯᠳᠠᠯᠭ᠎ᠠ᠎ᠲᠠᠢ ᠰᠠᠶ᠋ᠢᠲᠤᠷ ᠬᠢᠵᠦ᠂ ᠳᠠᠪᠬᠤᠷᠳᠠᠭᠤᠯᠤᠨ ᠪᠠᠶ᠋ᠢᠴᠠᠭ᠋ᠠᠨ ᠰᠢᠯᠭ᠋ᠠᠬᠤ᠎ᠠᠴᠠ ᠵᠠᠢ᠌ᠯᠠᠰᠬᠢᠵᠤ᠂ ᠪᠣᠭᠣᠮᠲᠠ᠎ᠪᠠᠷ ᠥᠩᠭᠡᠷᠡᠬᠦ ᠭᠠᠷᠳᠠᠮ᠎ᠢ ᠪᠦᠲᠦᠮᠵᠢᠲᠡᠶ ᠳᠥᠭᠥᠮᠴᠢᠯᠡᠵᠦ᠂ ᠪᠣᠭᠣᠮᠲᠠ᠎ᠪᠠᠷ ᠥᠩᠭᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠪᠡ᠃
ᠬᠣᠶᠠᠷ᠎ᠲᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠡᠷᠴᠢᠮ᠎ᠢ ᠨᠡᠮᠡᠭᠳᠡᠭᠦᠯᠵᠦ᠂ ᠡᠯ᠎ᠡ ᠵᠦᠢ᠍ᠯ᠎ᠤᠨ ᠦᠢ᠍ᠯᠡᠴᠢᠯᠡᠭᠡᠨ᠎ᠤ ᠠᠵᠢᠯ᠎ᠢ ᠰᠢᠯᠢᠳᠡᠭᠵᠢᠭᠦᠯᠪᠡ᠃ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠤᠨ ᠪᠣᠭᠣᠮᠲᠠ ᠵᠢᠨ ᠣᠨᠴᠠᠭ᠋ᠠᠶ ᠬᠢᠨᠠᠨ ᠬᠠᠮᠢᠶᠠᠷᠬᠤ ᠲᠦᠷᠦ ᠵᠢᠨ ᠪᠤᠳᠤᠯᠭ᠎ᠠ ᠵᠢᠨ ᠳᠠᠪᠠᠭᠤᠯᠢᠭ ᠪᠣᠯᠤᠨ ᠲᠡᠳᠬᠦᠬᠦ ᠲᠦᠷᠦ ᠵᠢᠨ ᠪᠤᠳᠤᠯᠭ᠎ᠠ ᠵᠢᠨ ᠬᠥᠲᠥᠯᠥᠨ ᠵᠢᠯᠣᠭᠣᠳᠬᠤ ᠦᠢ᠍ᠯᠡᠳᠦᠯ᠎ᠢ ᠪᠠᠳᠠᠷᠠᠭᠤᠯᠵᠤ᠂ ᠤᠯᠤᠰ᠎ᠤᠨ ᠳᠣᠲᠣᠭ᠋ᠠᠳᠤ ᠵᠢᠨ ᠪᠣᠭᠣᠮᠲᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠭᠠᠷᠠᠮ ᠪᠠ ᠪᠣᠭᠣᠮᠲᠠ ᠵᠢᠨ ᠣᠨᠴᠠᠭ᠋ᠠᠶ ᠬᠢᠨᠠᠨ ᠬᠠᠮᠢᠶᠠᠷᠬᠤ ᠣᠷᠣᠨ ᠪᠦᠰᠡᠯᠤᠭᠠ ᠵᠢᠨ ᠬᠠᠷᠢᠴᠠᠭ᠎ᠠ ᠬᠠᠮᠵᠢᠯᠴᠠᠭ᠎ᠠ ᠵᠢ ᠴᠢᠩᠭ᠋ᠠᠳᠬᠠᠵᠤ᠂ ᠪᠣᠭᠣᠮᠲᠠ ᠥᠩᠭᠡᠷᠡᠬᠦ᠂ ᠭᠠᠷᠠᠮ᠎ᠤᠨ ᠶᠠᠪᠤᠳᠠᠯ᠂ ᠪᠠᠷᠠᠭ᠋ᠠᠨ᠎ᠤ ᠭᠦᠢ᠍ᠯᠭᠡᠭᠡ ᠵᠡᠷᠭᠡ ᠲᠠᠯ᠎ᠠ᠎ᠪᠠᠷ ᠳᠠᠯᠠᠢ ᠳᠠᠭ᠋ᠠᠤ ᠣᠷᠣᠨ᠎ᠤ ᠭᠠᠷᠠᠮ ᠪᠠ ᠪᠣᠭᠣᠮᠲᠠ ᠵᠢᠨ ᠣᠨᠴᠠᠭ᠋ᠠᠶ ᠬᠢᠨᠠᠨ ᠬᠠᠮᠢᠶᠠᠷᠬᠤ ᠣᠷᠣᠨ ᠪᠦᠰᠡ᠎ᠯᠦᠭᠡ ᠨᠢᠭᠲᠠ ᠬᠣᠷᠰᠢᠯᠴᠠᠭ᠎ᠠ ᠵᠢ ᠥᠷᠨᠢᠭᠦᠯᠵᠦ᠂ ᠣᠷᠣᠨ ᠪᠦᠰᠡ ᠪᠠ ᠭᠠᠷᠠᠮ᠎ᠤᠨ ᠬᠠᠮᠲᠤᠷᠠᠨ ᠬᠥᠳᠡᠯᠦᠯᠴᠡᠬᠦ᠂ ᠵᠠᠪᠰᠠᠷ ᠦᠭᠡᠶ ᠵᠣᠯᠭ᠋ᠠᠯᠳᠤᠭᠤᠯᠬᠤ ᠵᠢ ᠲᠦᠯᠬᠢᠨ ᠠᠬᠢᠭᠤᠯᠪᠠ᠃
ᠭᠤᠷᠪᠠ᠎ᠳᠤ ᠭᠠᠶ᠋ᠢᠯᠢ ᠪᠠᠲᠤᠯᠠᠬᠤ ᠲᠠᠸᠠᠷ᠎ᠤᠨ ᠦᠵᠡᠭᠦᠯᠦᠯᠭᠡ ᠠᠷᠠᠯᠵᠢᠶ᠎ᠠ ᠰᠣᠯᠢᠯᠴᠠᠭ᠋ᠠᠨ᠎ᠤ ᠲᠤᠬᠠᠶ᠋ᠢᠯᠠᠭᠰᠠᠨ ᠠᠵᠢᠯ᠎ᠢ ᠲᠦᠯᠬᠢᠨ ᠠᠬᠢᠭᠤᠯᠵᠤ᠂ ᠲᠥᠪ᠎ᠤᠨ ᠦᠢ᠍ᠯᠡᠴᠢᠯᠡᠭᠡᠨ᠎ᠤ ᠴᠢᠳᠠᠮᠵᠢ ᠵᠢ ᠳᠡᠭᠡᠭᠰᠢᠯᠡᠭᠦᠯᠦᠨ ᠥᠷᠭᠡᠳᠬᠡᠪᠡ᠃ 2015 ᠣᠨ᠎ᠤ 8 ᠳ᠋ᠤᠭ᠋ᠠᠷ ᠰᠠᠷ᠎ᠠ᠎ᠳᠤ᠂ ᠳᠤᠮᠳᠠᠳᠤ ᠤᠯᠤᠰ (ᠤᠯᠠᠭ᠋ᠠᠨᠬᠠᠳᠠ)᠎ᠤᠨ ᠭᠠᠶ᠋ᠢᠯᠢ ᠪᠠᠲᠤᠯᠠᠬᠤ ᠲᠠᠸᠠᠷ᠎ᠤᠨ ᠦᠵᠡᠭᠦᠯᠦᠯᠭᠡ ᠠᠷᠠᠯᠵᠢᠶ᠎ᠠ ᠰᠣᠯᠢᠯᠴᠠᠭ᠋ᠠᠨ᠎ᠤ ᠲᠥᠪ ᠵᠢᠩᠬᠢᠨᠢ᠎ᠪᠠᠷ ᠠᠵᠢᠯᠯᠠᠭ᠎ᠠ᠎ᠪᠠᠨ ᠡᠬᠢᠯᠡᠭᠦᠯᠵᠦ᠂ ᠧᠦ᠋ᠷᠣᠫᠠ ᠠᠮᠧᠷᠢᠺᠠ᠂ ᠶᠠᠫᠣᠨ ᠺᠣᠷᠢᠶᠠ᠂ ᠠᠦ᠋ᠰᠲᠷᠠᠯᠢᠶ᠎ᠠ᠂ ᠣᠷᠣᠰ ᠵᠡᠷᠭᠡ ᠤᠯᠤᠰ ᠣᠷᠣᠨ᠎ᠤ 1600 ᠵᠦᠢ᠍ᠯ᠎ᠤᠨ ᠭᠠᠳᠠᠭ᠋ᠠᠳᠤ᠎ᠠᠴᠠ ᠣᠷᠣᠭᠤᠯᠤᠭᠰᠠᠨ ᠣᠯᠠᠨ ᠵᠦᠢ᠍ᠯ᠎ᠤᠨ ᠲᠠᠸᠠᠷ᠎ᠢ ᠳᠡᠯᠭᠡᠨ ᠠᠷᠠᠯᠵᠢᠶᠠᠯᠠᠵᠤ᠂ ᠭᠣᠣᠯᠳᠠᠭᠤ ᠤᠯᠠᠭ᠋ᠠᠨ ᠠᠷᠢᠬᠢ᠂ ᠢᠳᠡᠭᠡᠨ᠂ ᠵᠠᠰᠠᠯ ᠴᠢᠮᠡᠭ᠎ᠤᠨ ᠡᠳ᠋᠂ ᠡᠷᠡᠭᠦᠯᠵᠢᠯ᠎ᠤᠨ ᠡᠳ᠋᠂ ᠵᠢᠷᠮᠤᠰᠤᠨ ᠡᠮᠡᠭᠲᠡᠢ ᠪᠠ ᠨᠢᠯᠬ᠎ᠠ ᠬᠡᠦᠬᠡᠳ᠎ᠤᠨ ᠬᠡᠷᠡᠭᠰᠡᠯ᠂ ᠭᠡᠷ᠎ᠤᠨ ᠴᠠᠬᠢᠯᠭ᠋ᠠᠨ ᠬᠡᠷᠡᠭᠰᠡᠯ ᠵᠡᠷᠭᠡ ᠡᠳᠦᠷ ᠲᠤᠳᠤᠮ᠎ᠤᠨ ᠲᠦᠷᠭᠡᠨ ᠬᠡᠷᠡᠭᠯᠡᠭᠡᠨ᠎ᠤ ᠵᠦᠢ᠍ᠯ ᠵᠶ᠋ᠡᠷ ᠭᠣᠣᠯ ᠪᠣᠯᠭ᠋ᠠᠪᠠ᠃ ᠳᠤᠮᠳᠠᠳᠤ ᠤᠯᠤᠰ (ᠤᠯᠠᠭ᠋ᠠᠨᠬᠠᠳᠠ)᠎ᠤᠨ ᠭᠠᠶ᠋ᠢᠯᠢ ᠪᠠᠲᠤᠯᠠᠬᠤ ᠲᠠᠸᠠᠷ᠎ᠤᠨ ᠦᠵᠡᠭᠦᠯᠦᠯᠭᠡ ᠠᠷᠠᠯᠵᠢᠶ᠎ᠠ ᠰᠣᠯᠢᠯᠴᠠᠭ᠋ᠠᠨ᠎ᠤ ᠲᠥᠪ᠎ᠤᠨ ᠲᠥᠷᠥᠯ ᠵᠦᠢ᠍ᠯ᠎ᠢ ᠬᠡᠷᠡᠭᠵᠢᠭᠦᠯᠦᠭᠰᠡᠨ᠎ᠨᠢ᠂ ᠮᠠᠰᠢ ᠣᠬᠣᠷᠬᠠᠨ ᠴᠠᠭ᠎ᠤᠨ ᠲᠣᠲᠣᠷ᠎ᠠ ᠤᠯᠠᠭ᠋ᠠᠨᠬᠠᠳᠠ ᠵᠢᠨ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠤᠨ ᠲᠤᠬᠠᠶ᠋ᠢᠯᠠᠭᠰᠠᠨ ᠠᠵᠢᠯ᠎ᠢ ᠬᠥᠭᠵᠢᠶᠡᠨᠲᠡᠢ ᠪᠣᠯᠭ᠋ᠠᠭᠰᠠᠨ ᠮᠥᠷᠲᠡᠭᠡᠨ ᠪᠠᠰᠠ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ᠂ ᠠᠵᠢᠯ ᠣᠯᠭᠣᠯᠲᠠ ᠵᠢ ᠠᠬᠢᠭᠤᠯᠵᠤ᠂ ᠭᠠᠶ᠋ᠢᠯᠢ ᠵᠢᠨ ᠡᠬᠢ ᠰᠤᠷᠪᠤᠯᠵᠢ ᠵᠢ ᠪᠣᠢ᠌ᠵᠢᠭᠣᠯᠪᠠ᠃
ᠳᠥᠷᠪᠡ᠎ᠳᠤ ᠣᠯᠠᠨ ᠤᠯᠤᠰ᠎ᠤᠨ ᠲᠦᠷᠭᠡᠨ ᠬᠦᠷᠭᠡᠬᠦ ᠵᠦᠢ᠍ᠯ᠎ᠤᠨ ᠬᠢᠨᠠᠨ ᠬᠠᠮᠢᠶᠠᠷᠤᠯᠲᠠ ᠵᠢᠨ ᠲᠥᠪ᠎ᠤᠨ ᠪᠠᠶ᠋ᠢᠭᠤᠯᠤᠯᠲᠠ ᠵᠢᠨ ᠠᠵᠢᠯ᠎ᠢ ᠴᠢᠩᠭ᠋ᠠᠳᠬᠠᠵᠤ᠂ ᠭᠠᠳᠠᠭ᠋ᠠᠳᠤ ᠠᠷᠠᠯᠵᠢᠶᠠᠨ᠎ᠤ ᠦᠢ᠍ᠯᠡᠰ᠎ᠤᠨ ᠰᠠᠭᠤᠷᠢ ᠵᠢ ᠢᠵᠢ ᠪᠦᠷᠢᠳᠦᠭᠦᠯᠦᠨ ᠲᠡᠭᠦᠯᠳᠡᠷᠵᠢᠭᠦᠯᠪᠡ᠃ ᠳᠤᠮᠳᠠᠳᠤ ᠤᠯᠤᠰ᠎ᠤᠨ ᠰᠢᠦᠳᠠᠨ᠎ᠤ ᠲᠦᠷᠭᠡᠨ ᠬᠦᠷᠭᠡᠬᠦ ᠪᠠᠷᠠᠭ᠎ᠠ ᠵᠢᠨ ᠭᠦᠢ᠍ᠯᠭᠡᠭᠡᠨ᠎ᠤ ᠬᠤᠪᠢ ᠣᠷᠤᠭᠤᠯᠤᠯᠲᠠ ᠵᠢᠨ ᠬᠢᠵᠠᠭ᠋ᠠᠷᠲᠤ ᠺᠣᠮᠫᠠᠨᠢ ᠵᠢᠨ ᠤᠯᠠᠭ᠋ᠠᠨᠬᠠᠳᠠ ᠬᠣᠲᠠ᠎ᠳᠠᠬᠢ ᠬᠤᠪᠢᠶᠠᠷᠢ ᠺᠣᠮᠫᠠᠨᠢ᠎ᠲᠠᠢ ᠬᠠᠮᠵᠢᠯᠴᠠᠨ ᠪᠣᠭᠣᠮᠲᠠ ᠵᠢᠨ ᠳᠠᠩᠰᠠᠯᠠᠭᠤᠯᠤᠯᠢ ᠬᠢᠨᠠᠨ ᠵᠥᠪᠰᠢᠶᠡᠷᠡᠬᠦ ᠭᠠᠷ ᠭᠦᠢ᠍ᠴᠡᠳᠬᠡᠯ᠎ᠢ ᠤᠷᠤᠭᠰᠢᠲᠠᠶ ᠭᠦᠢ᠍ᠴᠡᠳᠬᠡᠬᠦ ᠪᠣᠯᠭ᠋ᠠᠭᠰᠠᠨ᠎ᠤ ᠬᠠᠮᠲᠤ ᠤᠯᠠᠨ ᠤᠯᠤᠰ᠎ᠤᠨ ᠲᠦᠷᠭᠡᠨ ᠬᠦᠷᠭᠡᠬᠦ ᠵᠦᠢ᠍ᠯ᠎ᠢ ᠬᠢᠨᠠᠨ ᠬᠠᠮᠢᠶᠠᠷᠬᠤ ᠲᠥᠪ᠎ᠤᠨ ᠲᠥᠷᠥᠯ ᠵᠦᠢ᠍ᠯ᠎ᠢ ᠲᠥᠯᠥᠪᠵᠢᠭᠦᠯᠦᠨ ᠵᠢᠷᠤᠭᠯᠠᠨ ᠲᠥᠯᠥᠪᠯᠡᠬᠦ᠂ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠂ ᠲᠥᠬᠥᠭᠡᠷᠦᠮᠵᠢ ᠬᠤᠳᠠᠯᠳᠤᠨ ᠠᠪᠬᠤ ᠵᠡᠷᠭᠡ ᠲᠠᠯ᠎ᠠ᠎ᠪᠠᠷ ᠮᠥᠨ ᠴᠢᠨᠠᠷ᠎ᠤᠨ ᠠᠬᠢᠯᠳᠠ᠎ᠲᠠᠢ ᠪᠣᠯᠬᠤ ᠵᠢ ᠢᠳᠡᠪᠬᠢᠲᠡᠢ ᠠᠬᠢᠭᠤᠯᠵᠤ᠂ ᠲᠤᠰ ᠲᠥᠷᠥᠯ ᠵᠦᠢ᠍ᠯ᠎ᠢ ᠡᠷᠲᠡᠬᠡᠨ ᠡᠵᠡᠩᠨᠡᠯᠲᠡ᠎ᠳᠤ ᠣᠷᠣᠭᠤᠯᠬᠤ᠎ᠪᠠᠷ ᠴᠢᠷᠮᠠᠢ᠌ᠪᠠ᠃
ᠲᠠᠪᠤ᠎ᠳᠤ ᠺᠣᠷᠢᠶᠠ ᠵᠢᠨ interpark ᠺᠣᠮᠫᠠᠨᠢ᠎ᠯᠤᠭ᠎ᠠ ᠲᠤᠬᠠᠶ᠋ᠢᠯᠠᠭᠰᠠᠨ ᠠᠵᠢᠯ᠎ᠢ ᠵᠣᠯᠭ᠋ᠠᠯᠳᠤᠭᠤᠯᠬᠤ ᠵᠢ ᠢᠳᠡᠪᠬᠢᠲᠡᠢ᠎ᠪᠠᠷ ᠥᠷᠨᠢᠭᠦᠯᠵᠦ᠂ ᠬᠢᠯᠢ ᠠᠯᠤᠰᠯᠠᠭᠰᠠᠨ ᠠᠷᠠᠯᠵᠢᠶᠠᠨ᠎ᠤ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠭᠤᠶᠤᠴᠢᠯᠠᠨ ᠮᠡᠳᠡᠭᠦᠯᠬᠦ ᠬᠢᠨᠠᠨ ᠵᠥᠪᠰᠢᠶᠡᠷᠡᠬᠦ ᠠᠵᠢᠯ᠎ᠢ ᠲᠦᠷᠭᠡᠳᠬᠡᠨ ᠠᠬᠢᠭᠤᠯᠪᠠ᠃ ᠭᠤᠶᠤᠴᠢᠯᠠᠨ ᠮᠡᠳᠡᠭᠦᠯᠬᠦ ᠬᠣᠯᠪᠣᠭᠳᠠᠯ ᠪᠦᠬᠦᠢ ᠠᠵᠢᠯ᠎ᠢ ᠰᠠᠶ᠋ᠢᠲᠤᠷ ᠬᠢᠬᠦ ᠪᠥᠭᠡᠳ ᠪᠣᠭᠣᠮᠲᠠ᠂ ᠰᠢᠯᠭ᠋ᠠᠨ ᠪᠠᠶ᠋ᠢᠴᠠᠭ᠋ᠠᠬᠤ ᠬᠢᠵᠢᠭ ᠪᠠᠶ᠋ᠢᠴᠠᠭ᠋ᠠᠬᠤ᠂ ᠡᠯᠧᠺᠲᠷᠣᠨ ᠬᠤᠳᠠᠯᠳᠤᠭ᠋ᠠᠨ᠎ᠤ ᠠᠵᠤ ᠠᠬᠤᠶ᠋ᠢᠯᠠᠯ ᠵᠡᠷᠭᠡ ᠭᠣᠣᠯ ᠴᠣᠭᠴᠠ ᠵᠢ ᠵᠣᠬᠢᠴᠠᠭᠤᠯᠵᠤ᠂ ᠬᠢᠯᠢ ᠠᠯᠤᠰᠯᠠᠭᠰᠠᠨ ᠠᠷᠠᠯᠵᠢᠶ᠎ᠠ ᠬᠤᠳᠠᠯᠳᠤᠭ᠋ᠠᠨ᠎ᠤ ᠡᠯᠧᠺᠲᠷᠣᠨ ᠠᠷᠠᠯᠵᠢᠶᠠᠨ᠎ᠤ ᠶᠠᠪᠤᠳᠠᠯ᠎ᠤᠨ ᠲᠠᠪᠴᠠᠩ᠎ᠢ ᠨᠡᠭᠡᠭᠡᠨ ᠠᠰᠢᠭᠯᠠᠵᠤ ᠪᠦᠲᠦᠭᠡᠨ ᠪᠠᠶ᠋ᠢᠭᠤᠯᠬᠤ ᠠᠵᠢᠯ᠎ᠢ ᠬᠠᠮᠲᠤ᠎ᠪᠠᠷ ᠲᠦᠯᠬᠢᠨ ᠠᠬᠢᠭᠤᠯᠪᠠ᠃
ᠵᠢᠷᠭᠤᠭ᠎ᠠ᠎ᠳᠤ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠲᠣᠭᠣᠷᠢᠭ᠎ᠤᠨ ᠳᠡᠰ ᠳᠡᠪᠰᠢᠭᠦᠯᠬᠦ ᠠᠵᠢᠯ᠎ᠢ ᠡᠬᠢᠯᠡᠭᠦᠯᠪᠡ᠃ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠲᠣᠭᠣᠷᠢᠭ ᠪᠣᠯ ᠮᠠᠨ᠎ᠤ ᠤᠯᠤᠰ᠎ᠤᠨ ᠨᠡᠭᠡᠭᠡᠯᠲᠡ ᠬᠢᠬᠦ ᠲᠡᠰ ᠳᠠᠪᠬᠤᠷᠭ᠎ᠠ ᠬᠠᠮᠤᠭ ᠥᠨᠳᠥᠷ᠂ ᠬᠠᠷᠠᠭ᠋ᠠᠯᠵᠠᠯ᠎ᠤᠨ ᠲᠥᠷᠥ ᠵᠢᠨ ᠪᠤᠳᠤᠯᠭ᠎ᠠ ᠬᠠᠮᠤᠭ ᠣᠯᠠᠨ᠂ ᠴᠢᠳᠠᠮᠵᠢ᠎ᠨᠢ ᠬᠠᠮᠤᠭ᠎ᠤᠨ ᠪᠦᠷᠢᠨ ᠭᠦᠢ᠍ᠴᠡᠳ᠂ ᠭᠠᠷ ᠭᠦᠢ᠍ᠴᠡᠳᠬᠡᠯ᠎ᠨᠢ ᠬᠠᠮᠤᠭ ᠳᠦᠭᠦᠮ ᠨᠡᠬᠡᠬᠡᠯᠳᠠ ᠵᠢᠨ ᠣᠨᠴᠠᠭ᠋ᠠᠶ ᠣᠷᠣᠨ ᠪᠣᠯᠣᠨ᠎ᠠ᠃ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠲᠠᠢ ᠠᠳᠠᠯᠢᠳᠬᠠᠪᠠᠯ᠂ ᠣᠯᠠᠨ ᠤᠯᠤᠰ᠎ᠤᠨ ᠬᠤᠳᠠᠯᠳᠤᠨ ᠠᠪᠬᠤ ᠵᠢ ᠰᠠᠯᠭ᠋ᠠᠨ ᠪᠣᠷᠣᠯᠠᠭᠤᠯᠬᠤ ᠪᠠ ᠲᠣᠬᠢᠷᠠᠭᠤᠯᠤᠨ ᠬᠦᠷᠭᠡᠬᠦ᠂ ᠣᠯᠠᠨ ᠤᠯᠤᠰ᠎ᠤᠨ ᠭᠠᠷᠠᠮ ᠳᠠᠮᠵᠢᠬᠤ ᠠᠷᠠᠯᠵᠢᠶ᠎ᠠ᠂ ᠤᠯᠠᠨ ᠤᠯᠤᠰ᠎ᠤᠨ ᠬᠣᠭᠣᠷᠣᠨᠳᠣ ᠳᠠᠮᠵᠢᠭᠤᠯᠬᠤ ᠵᠡᠷᠭᠡ ᠴᠢᠳᠠᠪᠬᠢ᠎ᠲᠠᠢ᠎ᠠᠴᠠ ᠭᠠᠳᠠᠨ᠎ᠠ ᠪᠠᠰᠠ ᠰᠤᠳᠤᠯᠤᠨ ᠨᠡᠭᠡᠭᠡᠬᠦ᠂ ᠪᠣᠯᠪᠠᠰᠤᠷᠠᠭᠤᠯᠬᠤ᠂ ᠦᠢ᠍ᠯᠡᠳᠬᠦ ᠵᠡᠷᠭᠡ ᠴᠢᠳᠠᠪᠬᠢ ᠵᠢ ᠪᠠᠳᠠᠷᠠᠭᠤᠯᠵᠤ ᠪᠤᠯᠤᠨ᠎ᠠ᠃ ᠤᠯᠠᠭ᠋ᠠᠨᠬᠠᠳᠠ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠤᠨ ᠠᠮᠵᠢᠯᠲᠠ᠎ᠲᠠᠢ ᠪᠠᠢ᠌ᠭᠤᠯᠤᠭᠳᠠᠭᠰᠠᠨ ᠪᠠ ᠤᠷᠤᠭᠰᠢᠲᠠᠶ ᠡᠵᠡᠩᠨᠡᠭᠰᠡᠨ ᠶᠠᠪᠤᠳᠠᠯ᠎ᠨᠢ᠂ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠲᠣᠭᠣᠷᠢᠭ᠎ᠢ ᠳᠡᠰ ᠳᠡᠪᠰᠢᠭᠦᠯᠬᠦ ᠰᠠᠭᠤᠷᠢ ᠵᠢ ᠪᠠᠲᠤᠵᠢᠭᠤᠯᠵᠤ ᠥᠭᠪᠡ᠃
ᠬᠥᠲᠥᠯᠥᠭᠴᠢ᠄
ᠰᠠᠶᠢ ᠵᠣᠣ ᠡᠷᠬᠢᠯᠡᠭᠴᠢ ᠪᠢᠳᠡᠨ᠎ᠳᠤ ᠤᠯᠠᠭ᠋ᠠᠨᠬᠠᠳᠠ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠤᠨ ᠪᠠᠶ᠋ᠢᠳᠠᠯ᠎ᠢ ᠲᠠᠨᠢᠯᠴᠠᠭᠤᠯᠵᠤ᠂ ᠪᠢᠳᠡ ᠤᠯᠠᠭ᠋ᠠᠨᠬᠠᠳᠠ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠨᠢ ᠤᠯᠠᠭ᠋ᠠᠨᠬᠠᠳᠠ ᠵᠢᠴᠢ ᠪᠦᠬᠦ ᠣᠷᠣᠨ᠎ᠤ ᠠᠵᠤ ᠠᠬᠤᠶ ᠨᠡᠶ᠋ᠢᠭᠡᠮ᠎ᠳᠤ ᠢᠳᠡᠪᠬᠢᠲᠡᠶ ᠬᠥᠲᠥᠯᠥᠨ ᠳᠠᠭ᠋ᠠᠭᠤᠯᠬᠤ ᠪᠠ ᠳᠠᠢ᠌ᠴᠢᠯᠠᠬᠤ ᠦᠢ᠍ᠯᠡᠳᠦᠯ ᠦᠵᠡᠭᠦᠯᠬᠦ᠎ᠨᠢ ᠯᠠᠪᠲᠠᠢ ᠶᠤᠮ ᠭᠡᠳᠡᠭ᠎ᠢ ᠤᠯᠠᠮ ᠨᠢᠭᠡ ᠠᠯᠬᠤᠮ ᠣᠶ᠋ᠢᠯᠠᠭ᠋ᠠᠵᠤ ᠮᠡᠳᠡᠯ᠎ᠡ᠃ ᠵᠣᠣ ᠡᠷᠬᠢᠯᠡᠭᠴᠢ ᠵᠢᠨ ᠲᠠᠢ᠌ᠯᠪᠤᠷᠢᠯᠠᠯᠲᠠ᠎ᠳᠤ ᠲᠠᠯᠠᠷᠬᠠᠵᠤ ᠪᠠᠶ᠋ᠢᠨ᠎ᠠ᠂ ᠮᠥᠨᠴᠦ ᠰᠦᠯᠵᠢᠶᠡᠨ᠎ᠤ ᠠᠨᠳᠠ ᠨᠠᠷ᠎ᠤᠨ ᠬᠦᠯᠢᠶᠡᠨ ᠠᠪᠴᠤ ᠦᠵᠡᠭᠰᠡᠨ᠎ᠳᠤ ᠲᠠᠯᠠᠷᠬᠠᠵᠤ ᠪᠠᠶ᠋ᠢᠨ᠎ᠠ᠃ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠲᠡᠭᠦᠰᠦᠯ᠎ᠡ᠂ ᠳᠠᠷᠠᠭ᠋ᠠᠴᠢ ᠵᠢᠨ ᠫᠷᠦᠭᠷᠠᠮ᠎ᠳᠤ ᠵᠣᠯᠭ᠋ᠠᠶ᠎ᠠ !

ᠤᠯᠠᠭ᠋ᠠᠨᠬᠠᠳᠠ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠤᠨ ᠬᠥᠮᠥᠷᠭᠡ ᠵᠢᠨ ᠭᠠᠳᠠᠨᠠᠬᠢ ᠦᠵᠡᠮᠵᠢ

ᠳᠤᠮᠳᠠᠳᠤ ᠤᠯᠤᠰ (ᠤᠯᠠᠭ᠋ᠠᠨᠬᠠᠳᠠ)᠎ᠤᠨ ᠭᠠᠶ᠋ᠢᠯᠢ ᠪᠠᠲᠤᠯᠠᠬᠤ ᠲᠠᠸᠠᠷ᠎ᠤᠨ ᠦᠵᠡᠭᠦᠯᠦᠯᠭᠡ ᠠᠷᠠᠯᠵᠢᠶ᠎ᠠ ᠰᠣᠯᠢᠯᠴᠠᠭ᠋ᠠᠨ᠎ᠤ ᠲᠥᠪ᠎ᠤᠨ ᠳᠣᠲᠣᠷᠠᠬᠢ ᠦᠵᠡᠮᠵᠢ

ᠤᠯᠠᠭ᠋ᠠᠨᠬᠠᠳᠠ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠤᠨ ᠪᠣᠭᠣᠮᠲᠠ᠎ᠳᠤ ᠮᠡᠳᠡᠭᠦᠯᠬᠦ ᠪᠠᠢ᠌ᠴᠠᠭ᠋ᠠᠯᠲᠠ᠎ᠳᠤ ᠮᠡᠳᠡᠭᠦᠯᠬᠦ ᠲᠢᠩᠬᠢᠮ

ᠥᠪᠡᠷᠲᠡᠭᠡᠨ ᠵᠠᠰᠠᠬᠣ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠡᠯᠸᠺᠲᠷᠤᠨ ᠵᠠᠰᠠᠭ᠎ᠤᠨ ᠶᠠᠪᠤᠳᠠᠯ᠎ᠤᠨ ᠭᠠᠵᠠᠷ᠎ᠤᠨ ᠳᠠᠷᠤᠭ᠎ᠠ ᠡᠾᠸ ᠪᠢᠶᠤᠤ ᠡᠷᠬᠢᠮ ᠵᠣᠴᠢᠨ᠎ᠳᠤ ᠪᠠᠷ᠎ᠠ ᠪᠣᠯᠵᠤ ᠥᠪᠡᠷᠲᠡᠭᠡᠨ ᠵᠠᠰᠠᠬᠣ ᠣᠷᠣᠨ᠎ᠤ ᠵᠠᠰᠠᠭ᠎ᠤᠨ ᠣᠷᠳᠣᠨ᠎ᠤ ᠫᠤᠷᠲᠸᠯ ᠰᠦᠯᠵᠢᠶ᠎ᠡ ᠵᠢ ᠲᠣᠭᠤᠷᠢᠨ ᠦᠵᠡᠵᠦ ᠪᠠᠢ᠌ᠭ᠎ᠠ᠎ᠨᠢ