
ᠰᠤᠷᠪᠤᠯᠵᠢᠯᠠᠭᠰᠠᠨ ᠴᠠᠭ᠄
2015 ᠣᠨ᠎ᠤ 12 ᠳ᠋ᠤᠭ᠋ᠠᠷ ᠰᠠᠷ᠎ᠠ ᠵᠢᠨ 7᠎ᠤ ᠡᠳᠦᠷ᠎ᠤᠨ ᠦᠳᠡ ᠵᠢᠨ ᠬᠣᠢ᠌ᠨᠠᠬᠢ 3 ᠴᠠᠭ
ᠰᠤᠷᠪᠤᠯᠵᠢᠯᠠᠭᠰᠠᠨ ᠵᠣᠴᠢᠨ᠄
ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠬᠢᠯᠡᠭᠴᠢ ᠸᠠᠩ ᠵᠢᠨ ᠪᠤᠤ
ᠰᠤᠷᠪᠤᠯᠵᠢᠯᠠᠭ᠎ᠠ ᠵᠢᠨ ᠲᠣᠪᠴᠢ᠄
2014 ᠣᠨ᠎ᠳᠤ ᠮᠠᠨ᠎ᠤ ᠣᠷᠣᠨ ᠠᠵᠤ ᠠᠬᠤᠢ᠌ᠯᠠᠯ᠎ᠤᠨ ᠳᠠᠷᠤᠭ᠋ᠠᠰᠤ ᠵᠢ ᠶᠡᠬᠡᠪᠡᠷ ᠬᠥᠩᠭᠡᠷᠡᠭᠦᠯᠵᠦ᠂ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢ ᠲᠣᠭᠲᠠᠪᠤᠷᠢᠵᠢᠭᠤᠯᠪᠠ᠃ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠬᠦᠴᠢᠷᠳᠡᠯ᠎ᠳᠤ ᠬᠠᠨᠳᠤᠭᠤᠯᠤᠨ᠂ ᠢᠳᠡᠪᠬᠢᠲᠡᠢ ᠪᠣᠳᠣᠯᠭ᠎ᠠ ᠬᠡᠷᠡᠭᠵᠢᠭᠦᠯᠵᠦ᠂ ᠠᠷᠭ᠎ᠠ ᠪᠦᠬᠦᠨ᠎ᠢ ᠰᠦᠪᠡᠭᠴᠢᠯᠡᠵᠦ ᠠᠵᠤ ᠠᠬᠤᠢ᠌ᠯᠠᠯ᠎ᠢ ᠬᠠᠪᠰᠤᠷᠤᠨ ᠳᠠᠷᠤᠭ᠋ᠠᠰᠤ ᠵᠢ᠎ᠨᠢ ᠬᠥᠩᠭᠡᠯᠡᠵᠦ᠂ ᠬᠦᠴᠢᠷᠳᠡᠯ᠎ᠠᠴᠠ ᠠᠩᠭᠢᠵᠢᠷᠠᠭᠤᠯᠵᠤ᠂ ᠮᠠᠰᠢ ᠰᠠᠢ᠌ᠨ ᠦᠷ᠎ᠡ ᠪᠦᠲᠦᠮᠵᠢ ᠣᠯᠪᠠ᠃ 2015 ᠣᠨ᠎ᠳᠤ ᠮᠠᠨ᠎ᠤ ᠣᠷᠣᠨ ᠠᠵᠤ ᠠᠬᠤᠢ᠌ᠯᠠᠯ᠎ᠳᠤ ᠬᠣᠯᠪᠣᠭᠳᠠᠬᠤ ᠰᠦᠢ᠍ᠳᠬᠡᠯ ᠬᠤᠷᠢᠶᠠᠬᠤ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠵᠤ ᠠᠬᠤᠢ᠌ᠯᠠᠯ᠎ᠤᠨ ᠳᠠᠷᠤᠭ᠋ᠠᠰᠤ ᠵᠢ ᠬᠥᠩᠭᠡᠯᠡᠬᠦ ᠠᠵᠢᠯ᠎ᠤᠨ ᠲᠠᠯ᠎ᠠ᠎ᠪᠠᠷ ᠳᠣᠪᠤᠢ᠌ᠮ᠎ᠠ ᠦᠷ᠎ᠡ ᠪᠦᠲᠦᠮᠵᠢ ᠣᠯᠪᠠ᠃ ᠬᠣᠯᠪᠣᠭᠳᠠᠯ ᠪᠦᠬᠦᠢ ᠪᠠᠢ᠌ᠳᠠᠯ᠎ᠢ ᠤᠯᠠᠮ ᠨᠢᠭᠡ ᠠᠯᠬᠤᠮ ᠣᠢ᠌ᠯᠭ᠋ᠠᠬᠤ ᠵᠢᠨ ᠲᠤᠰᠠᠲᠠ᠂ ᠤᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠬᠢᠯᠡᠭᠴᠢ ᠸᠠᠩ ᠵᠢᠨ ᠪᠤᠤ ᠵᠢ 《ᠳᠤᠮᠳᠠᠳᠤ ᠤᠯᠤᠰ ᠥᠪᠥᠷ ᠮᠣᠩᠭᠣᠯ》 ᠰᠦᠯᠵᠢᠶᠡᠨ᠎ᠳᠤ ᠤᠷᠢᠵᠤ᠂ ᠰᠦᠯᠵᠢᠶᠡᠨ᠎ᠤ ᠠᠨᠳᠠ ᠨᠠᠷ᠎ᠲᠠᠢ ᠶᠠᠷᠢᠯᠴᠠᠭᠤᠯᠬᠤ ᠪᠣᠯᠣᠨ᠎ᠠ᠃ ᠲᠤᠬᠠᠢ ᠵᠢᠨ ᠴᠠᠭ᠎ᠲᠤ ᠰᠦᠯᠵᠢᠶᠡᠨ᠎ᠤ ᠠᠨᠳᠠ ᠨᠠᠷ᠎ᠤᠨ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠶ᠎ᠠ!
ᠰᠤᠷᠪᠤᠯᠵᠢᠯᠠᠭᠰᠠᠨ ᠲᠡᠮᠳᠡᠭᠯᠡᠯ
ᠬᠥᠲᠥᠯᠥᠭᠴᠢ᠄ ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨᠠᠤ! ᠲᠠ ᠪᠦᠬᠦᠨ᠎ᠤ 《ᠳᠤᠮᠳᠠᠳᠤ ᠤᠯᠤᠰ ᠥᠪᠥᠷ ᠮᠤᠩᠭᠤᠯ》 ᠰᠦᠯᠵᠢᠶᠡᠨ᠎ᠤ ᠰᠤᠷᠪᠤᠯᠵᠢᠯᠠᠭ᠎ᠠ ᠶᠠᠷᠢᠯᠴᠠᠭ᠋ᠠᠨ᠎ᠤ ᠪᠣᠯᠤᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠸᠠᠩ ᠵᠢᠨ ᠪᠤᠤ ᠳᠡᠳ᠋ ᠡᠷᠬᠢᠯᠡᠭᠴᠢ ᠵᠢ ᠤᠷᠢᠨ ᠵᠠᠯᠠᠵᠤ᠂ ᠮᠠᠨ᠎ᠤ ᠣᠷᠣᠨ᠎ᠤ 2015 ᠣᠨ᠎ᠳᠤ ᠠᠵᠤ ᠠᠬᠤᠢ᠌ᠯᠠᠯ᠎ᠤᠨ ᠳᠠᠷᠤᠭ᠋ᠠᠰᠤ ᠵᠢ ᠬᠥᠩᠭᠡᠯᠡᠬᠦ ᠵᠢᠨ ᠲᠤᠰᠠᠳᠠ ᠰᠦᠢ᠍ᠳᠬᠡᠯ ᠬᠤᠷᠢᠶᠠᠬᠤ ᠬᠠᠮᠢᠶᠠᠷᠤᠯᠲᠠ ᠵᠢᠨ ᠲᠠᠯ᠎ᠠ᠎ᠪᠠᠷ ᠥᠷᠨᠢᠭᠦᠯᠦᠭᠰᠡᠨ ᠠᠵᠢᠯ᠎ᠤᠨ ᠪᠠᠢ᠌ᠳᠠᠯ᠎ᠢ ᠤᠯᠠᠨ᠎ᠲᠠᠢ ᠶᠠᠷᠢᠯᠴᠠᠬᠤ ᠪᠣᠯᠣᠨ᠎ᠠ᠃ ᠸᠠᠩ ᠡᠷᠬᠢᠯᠡᠭᠴᠢ᠂ ᠰᠠᠢ᠌ᠨ ᠪᠠᠢ᠌ᠨ᠎ᠠ ᠦᠦ?
ᠸᠠᠩ ᠵᠢᠨ ᠪᠤᠤ᠄ ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨᠠᠤ! ᠠᠵᠤ ᠠᠬᠤᠢ᠌ᠯᠠᠯ᠎ᠳᠤ ᠬᠣᠯᠪᠣᠭᠳᠠᠬᠤ ᠰᠦᠢ᠍ᠳᠬᠡᠯ ᠬᠤᠷᠢᠶᠠᠬᠤ ᠬᠠᠮᠢᠶᠠᠷᠤᠯᠲᠠ᠂ ᠠᠵᠤ ᠠᠬᠤᠢ ᠵᠢᠨ ᠳᠠᠷᠤᠭ᠋ᠠᠰᠤ ᠵᠢ ᠬᠥᠩᠭᠡᠯᠡᠬᠦ ᠠᠵᠢᠯ᠎ᠤᠨ ᠪᠠᠢ᠌ᠳᠠᠯ᠎ᠢ ᠲᠠ ᠪᠦᠬᠦᠨ᠎ᠲᠠᠢ ᠶᠠᠷᠢᠯᠴᠠᠬᠤ ᠪᠣᠯᠣᠭᠰᠠᠨ᠎ᠳᠠᠭᠠᠨ ᠮᠠᠰᠢ ᠪᠠᠶᠠᠷᠲᠠᠢ ᠪᠠᠢ᠌ᠨ᠎ᠠ᠃
ᠬᠥᠲᠥᠯᠥᠭᠴᠢ᠄ ᠤᠯᠠᠨ᠎ᠤ ᠮᠡᠳᠡᠵᠦ ᠪᠠᠢ᠌ᠬᠤ᠎ᠪᠠᠷ᠂ 2014 ᠣᠨ᠎ᠳᠤ ᠮᠠᠨ᠎ᠤ ᠣᠷᠣᠨ ᠠᠵᠤ ᠠᠬᠤᠢ᠌ᠯᠠᠯ᠎ᠤᠨ ᠳᠠᠷᠤᠭ᠋ᠠᠰᠤ ᠵᠢ ᠬᠥᠩᠭᠡᠷᠡᠭᠦᠯᠵᠦ᠂ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢ ᠲᠣᠭᠲᠠᠪᠤᠷᠢᠵᠢᠭᠤᠯᠪᠠ᠃ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠬᠦᠴᠢᠷᠳᠡᠯ᠎ᠳᠤ ᠬᠠᠨᠳᠤᠭᠤᠯᠤᠨ᠂ ᠰᠠᠨᠠᠭ᠋ᠠᠴᠢᠯᠠᠭ᠎ᠠ᠎ᠲᠠᠢ᠎ᠪᠠᠷ ᠪᠣᠳᠣᠯᠭ᠎ᠠ ᠬᠡᠷᠡᠭᠵᠢᠭᠦᠯᠦᠨ᠂ ᠠᠷᠭ᠎ᠠ ᠪᠦᠬᠦᠨ᠎ᠢ ᠰᠦᠪᠡᠭᠴᠢᠯᠡᠵᠦ ᠠᠵᠤ ᠠᠬᠤᠢ᠌ᠯᠠᠯ᠎ᠢ ᠬᠠᠪᠰᠤᠷᠤᠨ ᠬᠦᠴᠢᠷᠳᠡᠯ᠎ᠠᠴᠠ ᠠᠩᠭᠢᠵᠢᠷᠠᠭᠤᠯᠵᠤ᠂ ᠮᠠᠰᠢ ᠰᠠᠢ᠌ᠨ ᠦᠷ᠎ᠡ ᠪᠦᠲᠦᠮᠵᠢ ᠣᠯᠪᠠ᠃ 2015 ᠣᠨ᠎ᠳᠤ ᠠᠵᠤ ᠠᠬᠤᠢ᠌ᠯᠠᠯ᠎ᠳᠤ ᠬᠣᠯᠪᠣᠭᠳᠠᠬᠤ ᠰᠦᠢ᠍ᠳᠬᠡᠯ ᠬᠤᠷᠢᠶᠠᠬᠤ ᠬᠠᠮᠢᠶᠠᠷᠤᠯᠲᠠ ᠵᠢᠨ ᠲᠠᠯ᠎ᠠ᠎ᠪᠠᠷ ᠮᠠᠨ᠎ᠤ ᠣᠷᠣᠨ ᠶᠠᠮᠠᠷ ᠶᠠᠮᠠᠷ ᠬᠠᠮᠢᠶ᠎ᠠ ᠪᠦᠬᠦᠢ ᠠᠵᠢᠯ᠎ᠢ ᠥᠷᠨᠢᠭᠦᠯᠦᠭᠰᠡᠨ ᠪᠤᠢ?
ᠸᠠᠩ ᠵᠢᠨ ᠪᠤᠤ᠄ ᠮᠠᠨ᠎ᠤ ᠣᠷᠣᠨ᠎ᠤ ᠬᠢᠭᠰᠡᠨ ᠬᠠᠮᠢᠶ᠎ᠠ ᠪᠦᠬᠦᠢ ᠠᠵᠢᠯ ᠭᠡᠪᠡᠯ᠄ ᠨᠢᠭᠡ᠎ᠳᠤ᠂ ᠠᠵᠤ ᠠᠬᠤᠢ᠌ᠯᠠᠯ᠎ᠳᠤ ᠬᠣᠯᠪᠣᠭᠳᠠᠭᠰᠠᠨ ᠰᠦᠢ᠍ᠳᠬᠡᠯ ᠬᠤᠷᠢᠶᠠᠬᠤ ᠪᠠ ᠰᠠᠭᠤᠷᠢ ᠮᠥᠩᠭᠥᠨ᠎ᠤ ᠨᠠᠷᠢᠨ ᠳᠠᠩᠰᠠ ᠵᠢᠨ ᠳᠦᠷᠢᠮ᠎ᠢ ᠪᠦᠬᠦ ᠲᠠᠯ᠎ᠠ᠎ᠪᠠᠷ ᠪᠠᠢ᠌ᠭᠤᠯᠪᠠ᠂ ᠬᠣᠶᠠᠷ᠎ᠲᠤ᠂ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠢ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠢᠯᠭ᠋ᠠᠷᠠᠭᠤᠯᠪᠠ᠂ ᠭᠤᠷᠪᠠ᠎ᠳᠤ᠂ ᠡᠵᠡᠩᠨᠡᠯᠲᠡ ᠵᠢᠨ ᠴᠢᠨᠠᠷᠲᠠᠢ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠵᠢ ᠢᠯᠭ᠋ᠠᠷᠠᠭᠤᠯᠤᠭᠰᠠᠨ ᠪᠠ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠪᠠᠭᠤᠷᠠᠭᠤᠯᠪᠠ᠃
ᠬᠥᠲᠥᠯᠥᠭᠴᠢ᠄ ᠡᠨᠡ ᠬᠦ᠌ ᠬᠡᠳᠦᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠳᠤ ᠬᠠᠨᠳᠤᠭᠤᠯᠤᠨ᠂ ᠪᠣᠳᠠᠲᠠᠢ᠎ᠪᠠᠷ ᠶᠠᠮᠠᠷ ᠶᠠᠮᠠᠷ ᠠᠵᠢᠯ ᠬᠢᠭᠰᠡᠨ ᠪᠣᠢ?
ᠸᠠᠩ ᠵᠢᠨ ᠪᠤᠤ᠄ ᠠᠵᠤ ᠠᠬᠤᠢ᠌ᠯᠠᠯ᠎ᠳᠤ ᠬᠣᠯᠪᠣᠭᠳᠠᠭᠰᠠᠨ ᠰᠦᠢ᠍ᠳᠬᠡᠯ ᠬᠤᠷᠢᠶᠠᠬᠤ ᠪᠠ ᠰᠠᠭᠤᠷᠢ ᠮᠥᠩᠭᠥᠨ᠎ᠤ ᠨᠠᠷᠢᠨ ᠳᠠᠩᠰᠠ ᠵᠢᠨ ᠳᠦᠷᠢᠮ᠎ᠢ ᠪᠦᠬᠦ ᠲᠠᠯ᠎ᠠ᠎ᠪᠠᠷ ᠪᠠᠢ᠌ᠭᠤᠯᠬᠤ᠎ᠳᠤ ᠳᠣᠣᠷᠠᠬᠢ ᠬᠡᠳᠦᠨ ᠠᠵᠢᠯ᠎ᠢ ᠬᠢᠪᠡ᠄
(ᠨᠢᠭᠡ) ᠠᠵᠤ ᠠᠬᠤᠢ᠌ᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠢ ᠰᠦᠢ᠍ᠳᠬᠡᠯ ᠬᠤᠷᠢᠶᠠᠬᠤ ᠪᠠ ᠵᠠᠰᠠᠭ᠎ᠤᠨ ᠣᠷᠳᠣᠨ᠎ᠤ ᠰᠠᠭᠤᠷᠢ ᠮᠥᠩᠭᠥᠨ᠎ᠤ ᠭᠠᠷᠴᠠᠭ᠎ᠤᠨ ᠨᠠᠷᠢᠨ ᠳᠠᠩᠰᠠ ᠵᠢ ᠪᠠᠢ᠌ᠭᠤᠯᠪᠠ
2015 ᠣᠨ᠎ᠤ ᠡᠬᠢ᠎ᠪᠠᠷ᠂ ᠡᠯ᠎ᠡ ᠵᠦᠢ᠍ᠯ᠎ᠤᠨ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠪᠦᠬᠦ ᠲᠠᠯ᠎ᠠ᠎ᠪᠠᠷ ᠢᠯᠭ᠋ᠠᠷᠠᠭᠤᠯᠤᠭᠰᠠᠨᠤ ᠰᠠᠭᠤᠷᠢᠨ ᠳᠡᠭᠡᠷ᠎ᠡ᠂ ᠠᠵᠤ ᠠᠬᠤᠢ᠌ᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠢ ᠰᠦᠢ᠍ᠳᠬᠡᠯ ᠬᠤᠷᠢᠶᠠᠬᠤ ᠭᠠᠷᠴᠠᠭ᠎ᠤᠨ ᠨᠠᠷᠢᠨ ᠳᠠᠩᠰᠠ ᠵᠢ ᠲᠢᠭᠯᠡᠬᠦ ᠠᠵᠢᠯ᠎ᠢ ᠪᠡᠶᠡᠯᠡᠭᠦᠯᠵᠦ᠂ 2015 ᠣᠨ᠎ᠤ ᠡᠬᠢᠨ᠎ᠳᠤ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠠᠬᠤᠢ ᠮᠡᠳᠡᠭᠡ ᠵᠠᠩᠬᠢᠵᠢᠯ᠎ᠤᠨ ᠵᠥᠪᠯᠡᠯ᠎ᠠᠴᠠ 《ᠪᠦᠬᠦ ᠣᠷᠣᠨ᠎ᠤ ᠠᠵᠤ ᠠᠬᠤᠢ᠌ᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠢ ᠰᠦᠢ᠍ᠳᠬᠡᠯ ᠬᠤᠷᠢᠶᠠᠬᠤ ᠪᠠ ᠵᠠᠰᠠᠭ᠎ᠤᠨ ᠣᠷᠳᠣᠨ᠎ᠤ ᠰᠠᠭᠤᠷᠢ ᠮᠥᠩᠭᠥᠨ᠎ᠤ ᠭᠠᠷᠴᠠᠭ᠎ᠤᠨ ᠨᠠᠷᠢᠨ ᠳᠠᠩᠰᠠ》 (ᠥᠪᠥᠷ ᠡᠳ᠋ ᠭᠠᠢ᠌ᠯᠢ ᠪᠣᠰᠤ [2015] 74 ᠲᠣᠭ᠋ᠠᠲᠤ) ᠵᠢ ᠨᠡᠢ᠌ᠲᠡᠯᠡᠵᠦ᠂ ᠮᠠᠨ᠎ᠤ ᠣᠷᠣᠨ᠎ᠤ ᠠᠵᠤ ᠠᠬᠤᠢ᠌ᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠢ ᠰᠦᠢ᠍ᠳᠬᠡᠯ ᠬᠤᠷᠢᠶᠠᠬᠤ ᠪᠠ ᠵᠠᠰᠠᠭ᠎ᠤᠨ ᠣᠷᠳᠣᠨ᠎ᠤ ᠰᠠᠭᠤᠷᠢ ᠮᠥᠩᠭᠥ ᠵᠢᠴᠢ ᠡᠵᠡᠩᠨᠡᠯᠲᠡ ᠵᠢᠨ ᠦᠢ᠍ᠯᠡᠴᠢᠯᠡᠭᠡᠨ᠎ᠤ ᠴᠢᠨᠠᠷᠲᠠᠢ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠳᠤ ᠨᠠᠷᠢᠨ ᠳᠠᠩᠰᠠ ᠵᠢᠨ ᠬᠠᠮᠢᠶᠠᠷᠤᠯᠲᠠ ᠵᠢ ᠬᠡᠷᠡᠭᠵᠢᠭᠦᠯᠪᠡ᠃
(ᠬᠣᠶᠠᠷ) 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨ᠎ᠡ ᠲᠣᠭᠲᠠᠭ᠋ᠠᠬᠤ ᠭᠠᠷᠴᠠᠭ》᠎ᠲᠤ ᠵᠠᠰᠠᠪᠤᠷᠢ ᠣᠷᠣᠭᠤᠯᠪᠠ᠃ 《ᠵᠠᠬ᠎ᠠ ᠳᠡᠯᠭᠡᠭᠦᠷ ᠵᠶ᠋ᠡᠷ ᠦᠨ᠎ᠡ ᠵᠢ᠎ᠨᠢ ᠲᠣᠭᠲᠠᠭ᠋ᠠᠵᠤ ᠪᠣᠯᠬᠤ ᠵᠦᠢ᠍ᠯ᠎ᠢ ᠪᠦᠷ ᠵᠠᠬ᠎ᠠ ᠳᠡᠯᠭᠡᠭᠦᠷ᠎ᠲᠤ ᠲᠤᠰᠢᠶᠠᠨ ᠥᠭᠴᠦ᠂ ᠵᠠᠰᠠᠭ᠎ᠤᠨ ᠣᠷᠳᠣᠨ ᠵᠣᠬᠢᠰ ᠦᠭᠡᠢ᠎ᠪᠠᠷ ᠭᠠᠷ ᠳᠦᠷᠦᠬᠦ ᠦᠭᠡᠢ》 ᠪᠠᠢ᠌ᠬᠤ ᠶᠡᠷᠦᠩᠬᠡᠢ ᠱᠠᠭ᠋ᠠᠷᠳᠠᠯᠭ᠎ᠠ ᠶᠣᠰᠣᠭ᠋ᠠᠷ᠂ ᠪᠢᠳᠡ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠵᠢᠯᠣᠭᠣᠳᠤᠯᠭ᠎ᠠ ᠳᠣᠣᠷ᠎ᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨ᠎ᠡ ᠲᠣᠭᠲᠠᠭ᠋ᠠᠬᠤ ᠭᠠᠷᠴᠠᠭ》᠎ᠲᠤ ᠳᠠᠬᠢᠨ ᠰᠢᠨ᠎ᠡ᠎ᠪᠠᠷ ᠵᠠᠰᠠᠪᠤᠷᠢ ᠣᠷᠣᠭᠤᠯᠵᠤ᠂ ᠵᠠᠬ᠎ᠠ ᠳᠡᠯᠭᠡᠭᠦᠷ᠎ᠤᠨ ᠥᠷᠢᠰᠦᠯᠳᠦᠭᠡᠨ ᠵᠶ᠋ᠡᠷ ᠦᠨ᠎ᠡ ᠵᠢ ᠲᠣᠭᠲᠠᠭ᠋ᠠᠬᠤ᠎ᠳᠤ ᠪᠦᠬᠦᠨ᠎ᠢ ᠴᠢᠯᠦᠭᠡᠲᠡᠢ ᠲᠠᠯᠪᠢᠵᠤ᠂ ᠠᠢ᠌ᠮᠠᠭ ᠬᠣᠲᠠ᠂ ᠬᠣᠰᠢᠭᠤ ᠰᠢᠶᠠᠨ᠎ᠤ ᠵᠠᠰᠠᠭ᠎ᠤᠨ ᠣᠷᠳᠣᠨ᠎ᠤ ᠬᠠᠮᠢᠶᠠᠷᠴᠤ ᠳᠡᠢ᠌ᠯᠬᠦ ᠦᠨᠡᠳᠤ ᠪᠦᠬᠦᠨ᠎ᠢ ᠡᠷᠬᠡ ᠣᠯᠭᠣᠨ ᠬᠠᠮᠢᠶᠠᠷᠤᠭᠤᠯᠪᠠ᠃ ᠶᠡᠷᠦᠩᠬᠡᠢ᠎ᠳᠤ᠎ᠨᠢ ᠠᠪᠴᠤ ᠦᠵᠡᠪᠡᠯ᠂ ᠵᠠᠰᠠᠭ᠎ᠤᠨ ᠣᠷᠳᠣᠨ᠎ᠤ ᠦᠨ᠎ᠡ ᠲᠣᠭᠲᠠᠭ᠋ᠠᠬᠤ ᠶᠡᠬᠡ ᠲᠥᠷᠥᠯ᠎ᠢ 18 ᠲᠥᠷᠥᠯ᠎ᠠᠴᠠ᠎ᠨᠢ 14 ᠲᠥᠷᠥᠯ ᠪᠣᠯᠭ᠋ᠠᠨ ᠬᠠᠰᠤᠵᠤ᠂ ᠪᠠᠭ᠎ᠠ ᠲᠥᠷᠥᠯ᠎ᠢ 199 ᠲᠥᠷᠥᠯ᠎ᠠᠴᠠ᠎ᠨᠢ 83 ᠲᠥᠷᠥᠯ ᠪᠣᠯᠭ᠋ᠠᠨ ᠬᠠᠰᠤᠵᠤ᠂ ᠬᠠᠰᠤᠭᠰᠠᠨ ᠬᠡᠮᠵᠢᠶ᠎ᠡ᠎ᠨᠢ ᠲᠣᠰᠪᠤᠷᠢ 22.2% ᠪᠠ 58.3 % ᠪᠣᠯᠵᠤ᠂ ᠵᠠᠰᠠᠭ᠎ᠤᠨ ᠣᠷᠳᠣᠨ᠎ᠤ ᠦᠨ᠎ᠡ ᠲᠣᠭᠲᠠᠭ᠋ᠠᠬᠤ ᠬᠡᠪᠴᠢᠶ᠎ᠡ ᠵᠢ ᠴᠥᠮ ᠵᠢᠷᠤᠮᠵᠢᠭᠤᠯᠪᠠ᠃
(ᠭᠤᠷᠪᠠ) ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠢ ᠰᠦᠢ᠍ᠳᠭᠡᠯ ᠬᠤᠷᠢᠶᠠᠬᠤ ᠲᠦᠷᠥᠯ ᠵᠦᠢ᠍ᠯ᠎ᠤᠨ ᠭᠠᠷᠴᠠᠭ᠎ᠤᠨ ᠨᠠᠷᠢᠨ ᠲ᠋ᠠᠩᠰᠠ ᠵᠢ ᠨᠡᠢ᠌ᠲᠡᠯᠡᠪᠡ᠃
ᠦᠪᠡᠷᠲᠡᠭᠡᠨ ᠵᠠᠰᠠᠬᠤ ᠤᠷᠤᠨ᠎ᠤ ᠡᠳ᠋᠎ᠤᠨ ᠵᠠᠰᠠᠭ᠎ᠤᠨ ᠲᠢᠩᠬᠢᠮ᠂ ᠬᠦᠭᠵᠢᠭᠦᠯᠦᠯᠲᠡ ᠦᠭᠡᠷᠡᠴᠢᠯᠡᠯᠲᠡ ᠵᠢᠨ ᠵᠦᠪᠯᠡᠯ᠎ᠠᠴᠠ ᠤᠢ᠌ᠷ᠎ᠠ᠎ᠳᠤ 《ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠢ ᠰᠦᠢ᠍ᠳᠭᠡᠯ ᠬᠤᠷᠢᠶᠠᠬᠤ ᠲᠦᠷᠦᠯ ᠵᠦᠢ᠍ᠯ᠎ᠤᠨ ᠭᠠᠷᠴᠠᠭ᠎ᠤᠨ ᠨᠠᠷᠢᠨ ᠳᠠᠩᠰᠠ ᠵᠢ ᠳᠠᠷᠤᠮᠠᠯᠯᠠᠨ ᠲᠠᠷᠬᠠᠭ᠋ᠠᠬᠤ ᠲᠤᠬᠠᠢ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠡᠳ᠋᠎ᠤᠨ ᠵᠠᠰᠠᠭ᠎ᠤᠨ ᠲᠢᠩᠬᠢᠮ ᠪᠣᠯᠤᠨ ᠬᠦᠭᠵᠢᠭᠦᠯᠦᠯᠲᠡ ᠦᠭᠡᠷᠡᠴᠢᠯᠡᠯᠲᠡ ᠵᠢᠨ ᠵᠦᠪᠯᠡᠯ᠎ᠤᠨ ᠮᠡᠳᠡᠭᠳᠡᠯ》 (ᠦᠪᠦᠷ ᠡᠳ᠋ ᠪᠤᠰᠤ ᠭᠠᠶ᠋ᠢᠯᠢ [2015] 1449 ᠳ᠋ᠦ᠍ᠭᠡᠷ ᠲᠣᠭ᠋ᠠᠲᠤ)᠂ 《ᠭᠠᠷᠴᠠᠭ᠎ᠤᠨ ᠨᠠᠷᠢᠨ ᠳᠠᠩᠰᠠ》᠎ᠳᠤ ᠰᠤᠷᠭ᠋ᠠᠨ ᠬᠦᠮᠦᠵᠢᠯ᠂ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠂ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠵᠡᠷᠭᠡ 20 ᠰᠠᠯᠠᠭ᠎ᠠ ᠮᠦᠴᠢᠷ᠎ᠢ ᠪᠠᠭᠲᠠᠭ᠋ᠠᠭᠰᠠᠨ ᠪᠠ᠂ ᠰᠦᠢ᠍ᠳᠭᠡᠯ ᠬᠤᠷᠢᠶᠠᠬᠤ 65 ᠲᠦᠷᠦᠯ᠎ᠢ ᠪᠠᠭᠲᠠᠭ᠋ᠠᠪᠠ᠃
(ᠳᠥᠷᠪᠡ) ᠠᠵᠤ ᠠᠬᠤᠢ᠌ᠯᠠᠯ᠎ᠳᠤ ᠬᠣᠯᠪᠤᠭᠳᠠᠬᠤ ᠦᠢ᠍ᠯᠡᠴᠢᠯᠡᠭᠡᠨ᠎ᠤ ᠰᠦᠢ᠍ᠳᠭᠡᠯ ᠬᠤᠷᠢᠶᠠᠬᠤ ᠭᠤᠷᠪᠠᠨ ᠵᠦᠢ᠍ᠯ᠎ᠤᠨ ᠨᠠᠷᠢᠨ ᠳᠠᠩᠰᠠ ᠵᠢᠨ ᠳᠦᠷᠢᠮ᠎ᠢ ᠪᠠᠢ᠌ᠭᠤᠯᠪᠠ᠃
《ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠠᠴᠠ ᠦᠨ᠎ᠡ ᠲᠣᠭᠲᠠᠭ᠋ᠠᠭᠰᠠᠨ ᠠᠵᠤ ᠠᠬᠤᠢ᠌ᠯᠠᠯ᠎ᠳᠤ ᠬᠣᠯᠪᠤᠭᠳᠠᠬᠤ ᠡᠵᠡᠩᠨᠡᠯᠲᠡ ᠵᠢᠨ ᠦᠢ᠍ᠯᠡᠴᠢᠯᠡᠭᠡᠨ᠎ᠤ ᠰᠦᠢ᠍ᠳᠭᠡᠯ ᠬᠤᠷᠢᠶᠠᠬᠤ ᠭᠠᠷᠴᠠᠭ᠎ᠤᠨ ᠨᠠᠷᠢᠨ ᠳᠠᠩᠰᠠ ᠵᠡᠷᠭᠡ ᠭᠤᠷᠪᠠᠨ ᠵᠦᠢ᠍ᠯ᠎ᠤᠨ ᠭᠠᠷᠴᠠᠭ᠎ᠤᠨ ᠨᠠᠷᠢᠨ ᠳᠠᠩᠰᠠ ᠵᠢ ᠳᠠᠷᠤᠮᠠᠯᠯᠠᠨ ᠲᠠᠷᠬᠠᠭ᠋ᠠᠬᠤ ᠲᠤᠬᠠᠢ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠬᠦᠭᠵᠢᠭᠦᠯᠦᠯᠲᠡ ᠦᠭᠡᠷᠡᠴᠢᠯᠡᠯᠲᠡ ᠵᠢᠨ ᠵᠦᠪᠯᠡᠯ᠎ᠤᠨ ᠮᠡᠳᠡᠭᠳᠡᠯ》 (ᠦᠪᠦᠷ ᠬᠦᠭᠵᠢᠭᠦᠯᠦᠯᠲᠡ ᠦᠭᠡᠷᠡᠴᠢᠯᠡᠯᠲᠡ ᠵᠠᠷᠤᠳᠠᠯ ᠦᠰᠦᠭ [2015] 1294 ᠳ᠋ᠦ᠍ᠭᠡᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠮᠠᠨ᠎ᠤ ᠤᠷᠤᠨ᠎ᠤ 《ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠬᠦ ᠤᠭᠲᠤᠪᠤᠷᠢ ᠦᠢ᠍ᠯᠡᠴᠢᠯᠡᠭᠡᠨ᠎ᠤ ᠰᠦᠢ᠍ᠳᠭᠡᠯ ᠬᠤᠷᠢᠶᠠᠬᠤ ᠭᠠᠷᠴᠠᠭ᠎ᠤᠨ ᠨᠠᠷᠢᠨ ᠳᠠᠩᠰᠠ》᠂ 《ᠵᠠᠰᠠᠭ᠎ᠤᠨ ᠤᠷᠳᠤᠨ᠎ᠠᠴᠠ ᠦᠨ᠎ᠡ ᠲᠣᠭᠲᠠᠭ᠋ᠠᠭᠰᠠᠨ ᠠᠵᠤ ᠠᠬᠤᠢ᠌ᠯᠠᠯ᠎ᠳᠤ ᠬᠣᠯᠪᠤᠭᠳᠠᠬᠤ ᠡᠵᠡᠩᠨᠡᠯᠲᠡ ᠵᠢᠨ ᠦᠢ᠍ᠯᠡᠴᠢᠯᠡᠭᠡᠨ᠎ᠤ ᠰᠦᠢ᠍ᠳᠭᠡᠯ ᠬᠤᠷᠢᠶᠠᠬᠤ ᠲᠥᠷᠦᠯ ᠵᠦᠢ᠍ᠯ᠎ᠤᠨ ᠭᠠᠷᠴᠠᠭ᠎ᠤᠨ ᠨᠠᠷᠢᠨ ᠳᠠᠩᠰᠠ》 ᠪᠠ 《ᠭᠠᠳᠠᠭ᠋ᠠᠳᠤ᠎ᠠᠴᠠ ᠣᠷᠤᠭᠤᠯᠵᠤ ᠭᠠᠷᠭ᠋ᠠᠬᠤ ᠭᠣᠭᠴᠣᠭ᠎ᠠ ᠵᠢᠨ ᠵᠠᠰᠠᠭ᠎ᠤᠨ ᠤᠷᠳᠤᠨ᠎ᠠᠴᠠ ᠦᠨ᠎ᠡ ᠲᠣᠭᠲᠠᠭ᠋ᠠᠭᠰᠠᠨ ᠡᠵᠡᠩᠨᠡᠯᠲᠡ ᠵᠢᠨ ᠦᠢ᠍ᠯᠡᠴᠢᠯᠡᠭᠡᠨ᠎ᠤ ᠰᠦᠢ᠍ᠳᠭᠡᠯ ᠬᠤᠷᠢᠶᠠᠬᠤ ᠲᠦᠷᠦᠯ ᠵᠦᠢ᠍ᠯ᠎ᠤᠨ ᠭᠠᠷᠴᠠᠭ᠎ᠤᠨ ᠨᠠᠷᠢᠨ ᠳᠠᠩᠰᠠ》 ᠵᠢ ᠲᠣᠭᠲᠠᠭ᠋ᠠᠵᠤ᠂ ᠡᠭᠦᠨ᠎ᠤ ᠬᠠᠮᠲᠤ᠂ ᠭᠠᠷᠴᠠᠭ᠎ᠤᠨ ᠨᠠᠷᠢᠨ ᠳᠠᠩᠰᠠ ᠵᠢᠨ ᠬᠡᠪᠴᠢᠶᠡᠨ᠎ᠳᠤ ᠪᠠᠢ᠌ᠬᠤ ᠦᠭᠡᠢ ᠰᠦᠢ᠍ᠳᠭᠡᠯ ᠬᠤᠷᠢᠶᠠᠬᠤ ᠵᠦᠢ᠍ᠯ᠎ᠢ ᠦᠭᠡᠢ᠌ᠰᠭᠡᠵᠦ᠂ ᠬᠠᠮᠢᠶ᠎ᠠ ᠪᠦᠬᠦᠢ ᠶᠡᠬᠡ ᠬᠡᠮᠵᠢᠶᠡᠨ᠎ᠤ ᠪᠢᠴᠢᠭ ᠮᠠᠲᠸᠷᠢᠶᠠᠯ᠎ᠢ ᠬᠦᠴᠦᠨ ᠦᠭᠡᠢ ᠪᠣᠯᠭ᠋ᠠᠪᠠ᠃
(ᠲᠠᠪᠤ) 《ᠴᠢᠯᠦᠭᠡᠲᠡᠢ ᠲᠠᠯᠪᠢᠭᠰᠠᠨ ᠡᠵᠡᠩᠨᠡᠯᠲᠡ ᠵᠢᠨ ᠦᠢ᠍ᠯᠡᠴᠢᠯᠡᠭᠡᠨ᠎ᠤ ᠰᠦᠢ᠍ᠳᠭᠡᠯ ᠬᠤᠷᠢᠶᠠᠬᠤ ᠭᠠᠷᠴᠠᠭ᠎ᠤᠨ ᠨᠠᠷᠢᠨ ᠳᠠᠩᠰᠠ》 ᠵᠢ ᠨᠡᠢ᠌ᠲᠡᠯᠡᠪᠡ᠃
ᠮᠠᠨ᠎ᠤ ᠵᠦᠪᠯᠡᠯ᠎ᠠᠴᠠ 《ᠬᠡᠰᠡᠭ ᠪᠦᠯᠦᠭ ᠡᠵᠡᠩᠨᠡᠯᠲᠡ ᠵᠢᠨ ᠴᠢᠨᠠᠷᠲᠠᠢ ᠦᠢ᠍ᠯᠡᠴᠢᠯᠡᠭᠡᠨ᠎ᠤ ᠰᠦᠢ᠍ᠳᠭᠡᠯ ᠬᠤᠷᠢᠶᠠᠬᠤ ᠲᠦᠷᠦᠯ ᠵᠦᠢ᠍ᠯ ᠪᠠ ᠪᠠᠷᠢᠮᠵᠢᠶ᠎ᠠ ᠵᠢ ᠴᠢᠯᠦᠭᠡᠲᠡᠢ ᠲᠠᠯᠪᠢᠬᠤ ᠲᠤᠬᠠᠢ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠬᠦᠭᠵᠢᠭᠦᠯᠦᠯᠲᠡ ᠦᠭᠡᠷᠡᠴᠢᠯᠡᠯᠲᠡ ᠵᠢᠨ ᠵᠦᠪᠯᠡᠯ᠎ᠤᠨ ᠮᠡᠳᠡᠭᠳᠡᠯ》 (ᠦᠪᠦᠷ ᠬᠦᠭᠵᠢᠭᠦᠯᠦᠯᠲᠡ ᠦᠭᠡᠷᠡᠴᠢᠯᠡᠯᠲᠡ ᠵᠠᠷᠤᠳᠠᠯ ᠦᠰᠦᠭ [2015] 1031 ᠳ᠋ᠦ᠍ᠭᠡᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠨᠢᠰᠭᠡᠯ᠎ᠤᠨ ᠪᠠᠭᠤᠳᠠᠯ᠎ᠤᠨ ᠠᠶᠠᠨᠴᠢᠳ᠎ᠤᠨ ᠲᠡᠭᠡᠭᠡᠪᠦᠷᠢ ᠵᠢᠨ ᠡᠭᠡᠯᠵᠢ ᠵᠢᠨ ᠮᠠᠰᠢᠨ ᠲᠡᠷᠬᠡᠨ᠎ᠤ ᠬᠤᠷᠢᠶᠠᠬᠤ ᠰᠦᠢ᠍ᠳᠭᠡᠯ᠂ ᠡᠳ᠋ ᠬᠦᠷᠦᠩᠭᠡ ᠵᠢ ᠦᠨᠡᠯᠡᠨ ᠵᠢᠱ᠌ᠢᠬᠦ ᠵᠢᠨ ᠬᠤᠷᠢᠶᠠᠬᠤ ᠰᠦᠢ᠍ᠳᠭᠡᠯ᠂ ᠪᠥᠳᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠪᠠᠶ᠋ᠢᠭᠤᠯᠤᠭᠰᠠᠨ ᠦᠨ᠎ᠡ ᠵᠢᠨ ᠠᠰᠠᠭᠤᠨ ᠰᠤᠷᠠᠬᠤ ᠵᠠᠷᠤᠳᠠᠯ᠂ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠬᠢᠨᠠᠨ ᠬᠠᠮᠢᠶᠠᠷᠬᠤ ᠵᠠᠷᠤᠳᠠᠯ ᠵᠡᠷᠭᠡ 43 ᠲᠦᠷᠦᠯ᠎ᠤᠨ ᠤᠤᠯ᠎ᠳᠠᠭᠠᠨ ᠵᠠᠰᠠᠭ᠎ᠤᠨ ᠤᠷᠳᠤᠨ ᠦᠨ᠎ᠡ ᠲᠣᠭᠲᠠᠭ᠋ᠠᠬᠤ ᠪᠣᠶᠤ ᠵᠠᠰᠠᠭ᠎ᠤᠨ ᠤᠷᠳᠤᠨ᠎ᠤ ᠵᠢᠯᠤᠭᠤᠳᠤᠯᠭ᠎ᠠ ᠵᠢᠨ ᠦᠨ᠎ᠡ ᠵᠢᠨ ᠬᠠᠮᠢᠶᠠᠷᠤᠯᠲᠠ ᠵᠢ ᠬᠡᠷᠡᠭᠵᠢᠭᠦᠯᠵᠦ ᠪᠠᠢ᠌ᠭᠰᠠᠨ ᠡᠵᠡᠩᠨᠡᠯᠲᠡ ᠵᠢᠨ ᠦᠢ᠍ᠯᠡᠴᠢᠯᠡᠭᠡᠨ᠎ᠤ ᠴᠢᠨᠠᠷᠲᠠᠢ ᠰᠦᠢ᠍ᠳᠭᠡᠯ ᠬᠤᠷᠢᠶᠠᠬᠤ ᠲᠦᠷᠦᠯ᠎ᠢ ᠴᠢᠯᠦᠭᠡᠲᠡᠢ ᠲᠠᠯᠪᠢᠪᠠ᠃ ᠮᠠᠨ᠎ᠤ ᠤᠷᠤᠨ᠎ᠤ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠬᠦᠭᠵᠢᠯᠲᠡ ᠵᠢ ᠳᠠᠭ᠋ᠠᠯᠳᠤᠨ᠂ ᠡᠳᠡᠭᠡᠷ ᠦᠢ᠍ᠯᠡᠴᠢᠯᠡᠭᠡᠨ᠎ᠢ ᠬᠢᠵᠦ ᠪᠠᠢ᠌ᠭ᠎ᠠ ᠠᠵᠤ ᠠᠬᠤᠢ᠌ᠯᠠᠯ ᠪᠠ ᠪᠠᠢ᠌ᠭᠤᠯᠤᠮᠵᠢ ᠵᠣᠬᠢᠶᠠᠨ ᠪᠠᠢ᠌ᠭᠤᠯᠤᠯᠲᠠ ᠲᠠᠰᠤᠷᠠᠯᠲᠠ ᠦᠭᠡᠢ ᠦᠷᠭᠡᠳᠴᠦ᠂ ᠬᠡᠷᠡᠭᠯᠡᠭᠴᠢᠳ᠎ᠤᠨ ᠦᠢ᠍ᠯᠡᠴᠢᠯᠡᠭᠦᠯᠬᠦ᠎ᠪᠠᠷ ᠨᠠᠢ᠌ᠳᠠᠬᠤ ᠬᠡᠷᠡᠭᠴᠡᠭᠡ ᠵᠢ ᠶᠡᠷᠦᠩᠬᠡᠢ᠎ᠳᠡᠭᠡᠨ ᠬᠠᠩᠭ᠋ᠠᠵᠤ ᠳᠡᠢ᠌ᠯᠬᠦ ᠪᠣᠯᠵᠤ᠂ ᠵᠠᠬ᠎ᠠ ᠳᠡᠯᠭᠡᠭᠦᠷ᠎ᠤᠨ ᠦᠷᠢᠰᠦᠯᠳᠦᠭᠡᠨ ᠴᠦ᠍ ᠨᠡᠯᠢᠶᠡᠳ ᠭᠦᠢ᠍ᠴᠡᠳ ᠪᠣᠯᠵᠤ᠂ ᠬᠣᠶᠠᠷ ᠲᠠᠯ᠎ᠠ᠎ᠪᠠᠷ ᠵᠶ᠋ᠠᠨ ᠵᠦᠪᠳᠡᠯᠴᠡᠨ ᠰᠦᠢ᠍ᠳᠭᠡᠯ ᠬᠤᠷᠢᠶᠠᠬᠤ ᠨᠦᠭᠦᠴᠡᠯ᠎ᠢ ᠪᠦᠷᠢᠯᠳᠦᠭᠦᠯᠵᠡᠢ᠃
ᠸᠠᠩ ᠵᠢᠨ ᠪᠣᠥ᠄ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠢ ᠰᠦᠢ᠍ᠳᠭᠡᠯ ᠬᠤᠷᠢᠶᠠᠬᠤ ᠲᠦᠷᠥᠯ ᠵᠦᠢ᠍ᠯ᠎ᠢ ᠢᠯᠭ᠋ᠠᠷᠠᠭᠤᠯᠬᠤ᠎ᠳᠤ ᠠᠪᠤᠭᠰᠠᠨ ᠮᠠᠨ᠎ᠤ ᠤᠷᠤᠨ᠎ᠤ ᠠᠷᠭ᠎ᠠ ᠬᠡᠮᠵᠢᠶ᠎ᠡ ᠪᠣᠯ᠄
(ᠨᠢᠭᠡ) ᠵᠢᠵᠢᠭ ᠪᠢᠴᠢᠯ ᠠᠵᠤ ᠠᠬᠤᠢ᠌ᠯᠠᠯ᠎ᠤᠨ ᠳᠠᠷᠤᠭ᠋ᠠᠰᠤ ᠵᠢ ᠬᠦᠩᠭᠡᠷᠡᠭᠦᠯᠬᠦ ᠲᠥᠷᠦ ᠵᠢᠨ ᠪᠣᠳᠤᠯᠭ᠎ᠠ ᠵᠢ ᠨᠠᠢ᠌ᠳᠠᠪᠤᠷᠢᠵᠢᠭᠤᠯᠪᠠ᠃
《ᠨᠢᠭᠡ ᠪᠦᠯᠦᠭ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠢ ᠰᠦᠢ᠍ᠳᠭᠡᠯ ᠬᠤᠷᠢᠶᠠᠬᠤ ᠵᠢ ᠬᠦᠴᠦᠨ ᠦᠭᠡᠢ ᠪᠣᠯᠭ᠋ᠠᠬᠤ᠂ ᠵᠣᠭᠰᠤᠭ᠋ᠠᠬᠤ᠂ ᠬᠡᠯᠲᠦᠷᠢᠭᠦᠯᠬᠦ ᠲᠤᠬᠠᠢ ᠡᠳ᠋᠎ᠤᠨ ᠵᠠᠰᠠᠭ᠎ᠤᠨ ᠶᠠᠮᠤᠨ᠂ ᠤᠯᠤᠰ᠎ᠤᠨ ᠬᠦᠭᠵᠢᠭᠦᠯᠦᠯᠲᠡ ᠦᠭᠡᠷᠡᠴᠢᠯᠡᠯᠲᠡ ᠵᠢᠨ ᠵᠦᠪᠯᠡᠯ᠎ᠤᠨ ᠮᠡᠳᠡᠭᠳᠡᠯ》᠎ᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠢ ᠰᠦᠢ᠍ᠳᠭᠡᠯ ᠬᠤᠷᠢᠶᠠᠬᠤ ᠲᠦᠷᠦᠯ ᠵᠦᠢ᠍ᠯ᠎ᠤᠨ 12 ᠲᠦᠷᠥᠯᠢ ᠬᠦᠴᠦᠨ ᠦᠭᠡᠢ ᠪᠣᠯᠭ᠋ᠠᠬᠤ ᠪᠣᠶᠤ ᠲᠦᠷ ᠵᠣᠭᠰᠤᠭ᠋ᠠᠵᠤ᠂ ᠵᠢᠵᠢᠭ ᠪᠢᠴᠢᠯ ᠠᠵᠤ ᠠᠬᠤᠢ᠌ᠯᠠᠯ᠎ᠠᠴᠠ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠢ ᠰᠦᠢ᠍ᠳᠭᠡᠯ ᠬᠤᠷᠢᠶᠠᠬᠤ 42 ᠲᠦᠷᠦᠯ᠎ᠢ ᠬᠡᠯᠲᠦᠷᠢᠭᠦᠯᠵᠦ᠂ ᠵᠢᠯ ᠪᠦᠷᠢ ᠵᠢᠵᠢᠭ ᠪᠢᠴᠢᠯ ᠠᠵᠤ ᠠᠬᠤᠢ᠌ᠯᠠᠯ᠎ᠳᠤ 4 ᠳ᠋ᠦᠩᠰᠢᠭᠤᠷ ᠲᠦᠭᠦᠷᠢᠭ᠎ᠤᠨ ᠳᠠᠷᠤᠭ᠋ᠠᠰᠤ ᠵᠢ ᠬᠦᠩᠭᠡᠷᠡᠭᠦᠯᠵᠦ ᠥᠭᠪᠡ᠃
(ᠬᠤᠶᠠᠷ) ᠠᠵᠤ ᠠᠬᠤᠢ᠌ᠯᠠᠯ᠎ᠳᠤ ᠬᠣᠯᠪᠤᠭᠳᠠᠬᠤ 5 ᠲᠦᠷᠦᠯ᠎ᠤᠨ ᠰᠦᠢ᠍ᠳᠭᠡᠯ ᠬᠤᠷᠢᠶᠠᠬᠤ ᠵᠢ ᠬᠦᠴᠦᠨ ᠦᠭᠡᠢ ᠪᠣᠯᠭ᠋ᠠᠪᠠ᠃
《ᠪᠦᠬᠦ ᠤᠷᠤᠨ᠎ᠤ ᠠᠵᠤ ᠠᠬᠤᠢ᠌ᠯᠠᠯ᠎ᠳᠤ ᠬᠣᠯᠪᠤᠭᠳᠠᠬᠤ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠢ ᠰᠦᠢ᠍ᠳᠭᠡᠯ ᠬᠤᠷᠢᠶᠠᠬᠤ ᠪᠠ ᠵᠠᠰᠠᠭ᠎ᠤᠨ ᠤᠷᠳᠤᠨ᠎ᠤ ᠰᠠᠭᠤᠷᠢ ᠮᠦᠩᠭᠦ ᠵᠢᠨ ᠭᠠᠷᠴᠠᠭ᠎ᠤᠨ ᠨᠠᠷᠢᠨ ᠳᠠᠩᠰᠠ》 ᠵᠢ ᠲᠣᠭᠲᠠᠭ᠋ᠠᠬᠤ᠎ᠲᠠᠢ ᠤᠶᠠᠯᠳᠤᠭᠤᠯᠵᠤ᠂ ᠠᠵᠤ ᠠᠬᠤᠢ᠌ᠯᠠᠯ᠎ᠳᠤ ᠬᠣᠯᠪᠤᠭᠳᠠᠬᠤ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠢ 5 ᠲᠦᠷᠦᠯ᠎ᠤᠨ ᠰᠦᠢ᠍ᠳᠭᠡᠯ ᠬᠤᠷᠢᠶᠠᠬᠤ ᠵᠢ ᠬᠦᠴᠦᠨ ᠦᠭᠡᠢ ᠪᠣᠯᠭ᠋ᠠᠬᠤ᠎ᠪᠠᠷ ᠨᠡᠢ᠌ᠲᠡᠯᠡᠭᠡᠳ᠂ ᠠᠵᠤ ᠠᠬᠤᠢ᠌ᠯᠠᠯ᠎ᠤᠨ ᠳᠠᠷᠤᠭ᠋ᠠᠰᠤ ᠵᠢ ᠪᠠᠷᠤᠭ 10 ᠳ᠋ᠦᠩᠰᠢᠭᠤᠷ ᠲᠦᠭᠦᠷᠢᠭ ᠬᠦᠩᠭᠡᠷᠡᠭᠦᠯᠪᠡ᠃
(ᠭᠤᠷᠪᠠ) ᠨᠢᠭᠡ ᠪᠦᠯᠦᠭ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠢ ᠰᠦᠢ᠍ᠳᠭᠡᠯ ᠬᠤᠷᠢᠶᠠᠬᠤ ᠲᠦᠷᠦᠯ ᠵᠦᠢ᠍ᠯ ᠪᠠ ᠪᠠᠷᠢᠮᠵᠢᠶ᠎ᠠ ᠵᠢ ᠬᠦᠴᠦᠨ ᠦᠭᠡᠢ ᠪᠣᠯᠭ᠋ᠠᠭᠰᠠᠨ ᠪᠠ ᠪᠠᠭᠤᠷᠠᠭᠤᠯᠪᠠ᠃
《ᠦᠪᠡᠷᠲᠡᠭᠡᠨ ᠵᠠᠰᠠᠬᠤ ᠤᠷᠤᠨ᠎ᠤ ᠵᠠᠰᠠᠭ ᠵᠠᠬᠢᠷᠭ᠋ᠠᠨ ᠠᠵᠢᠯ ᠦᠢ᠍ᠯᠡᠰ᠎ᠤᠨ ᠴᠢᠨᠠᠷᠲᠠᠢ ᠰᠦᠢ᠍ᠳᠭᠡᠯ ᠬᠤᠷᠢᠶᠠᠬᠤ ᠲᠦᠷᠦᠯ ᠵᠦᠢ᠍ᠯ᠎ᠤᠨ ᠭᠠᠷᠴᠠᠭ᠎ᠤᠨ ᠨᠠᠷᠢᠨ ᠳᠠᠩᠰᠠ》 ᠵᠢ ᠲᠣᠭᠲᠠᠭ᠋ᠠᠬᠤ᠎ᠲᠠᠢ ᠤᠶᠠᠯᠳᠤᠭᠤᠯᠤᠨ᠂ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ 52 ᠳ᠋ᠤᠭ᠋ᠠᠷ ᠤᠳᠠᠭ᠎ᠠ ᠵᠢᠨ ᠪᠠᠢ᠌ᠩᠭᠤ ᠵᠢᠨ ᠬᠤᠷᠠᠯ᠎ᠳᠤ ᠬᠢᠨᠠᠨ ᠵᠦᠪᠯᠡᠭᠰᠡᠨ ᠱᠠᠭ᠋ᠠᠷᠳᠠᠯᠭ᠎ᠠ ᠶᠣᠰᠤᠠᠭᠷ᠂ ᠦᠪᠡᠷᠲᠡᠭᠡᠨ ᠵᠠᠰᠠᠬᠤ ᠤᠷᠤᠨ᠎ᠤ ᠡᠳ᠋᠎ᠤᠨ ᠵᠠᠰᠠᠭ᠎ᠤᠨ ᠲᠢᠩᠬᠢᠮ᠂ ᠬᠦᠭᠵᠢᠭᠦᠯᠦᠯᠲᠡ ᠦᠭᠡᠷᠡᠴᠢᠯᠡᠯᠲᠡ ᠵᠢᠨ ᠵᠦᠪᠯᠡᠯ ᠤᠢ᠌ᠷ᠎ᠠ᠎ᠳᠤ ᠠᠵᠤ ᠠᠬᠤᠢ᠌ᠯᠠᠯ᠎ᠳᠤ ᠬᠣᠯᠪᠤᠭᠳᠠᠬᠤ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠢ 18 ᠲᠦᠷᠦᠯ᠎ᠤᠨ ᠰᠦᠢ᠍ᠳᠭᠡᠯ ᠬᠤᠷᠢᠶᠠᠬᠤ ᠵᠢ ᠬᠦᠴᠦᠨ ᠦᠭᠡᠢ ᠪᠣᠯᠭ᠋ᠠᠬᠤ ᠵᠢ ᠨᠡᠢ᠌ᠲᠡᠯᠡᠬᠦ᠎ᠪᠠᠷ ᠪᠡᠯᠡᠳᠭᠡᠵᠦ᠂ 6 ᠲᠦᠷᠦᠯ᠎ᠤᠨ ᠰᠦᠢ᠍ᠳᠭᠡᠯ ᠬᠤᠷᠢᠶᠠᠬᠤ ᠪᠠᠷᠢᠮᠵᠢᠶ᠎ᠠ ᠵᠢ ᠪᠠᠭᠤᠷᠠᠭᠤᠯᠤᠨ᠂ ᠠᠵᠤ ᠠᠬᠤᠢ᠌ᠯᠠᠯ᠎ᠤᠨ ᠳᠠᠷᠤᠭ᠋ᠠᠰᠤ ᠵᠢ ᠪᠠᠷᠤᠭ 2 ᠳ᠋ᠦᠩᠰᠢᠭᠤᠷ ᠲᠦᠭᠦᠷᠢᠭ ᠬᠦᠩᠭᠡᠷᠡᠭᠦᠯᠬᠦ᠎ᠪᠠᠷ ᠪᠠᠢ᠌ᠨ᠎ᠠ᠃
ᠸᠠᠩ ᠵᠢᠨ ᠪᠣᠣ᠄ ᠡᠵᠡᠩᠨᠡᠯᠲᠡ ᠵᠢᠨ ᠴᠢᠨᠠᠷᠲᠠᠶ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠪᠠ ᠦᠨ᠎ᠡ ᠬᠠᠩᠰᠢ ᠪᠠᠭᠤᠷᠠᠭᠤᠯᠬᠤ ᠵᠢ ᠢᠯᠭ᠋ᠠᠷᠠᠭᠤᠯᠬᠤ᠎ᠳᠤ ᠴᠢᠭᠯᠡᠭᠦᠯᠦᠨ᠂ ᠮᠠᠨ᠎ᠤ ᠣᠷᠣᠨ ᠡᠶ᠋ᠢᠮᠦ ᠬᠡᠳᠦᠨ ᠵᠦᠢ᠍ᠯ᠎ᠤᠨ ᠪᠤᠲᠠᠲᠠᠢ ᠠᠵᠢᠯ᠎ᠢ ᠬᠢᠭᠰᠡᠨ ᠪᠠᠶ᠋ᠢᠨ᠎ᠠ᠄
(ᠨᠢᠭᠡ) ᠠᠶᠤᠩᠭ᠎ᠠ ᠰᠡᠷᠭᠡᠶ᠋ᠢᠯᠡᠬᠦ ᠮᠡᠷᠭᠡᠵᠢᠯ᠎ᠤᠨ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠪᠠᠭᠤᠷᠠᠭᠤᠯᠪᠠ
2015 ᠣᠨ᠎ᠤ 4 ᠳ᠋ᠦ᠍ᠭᠡᠷ ᠰᠠᠷ᠎ᠠ᠎ᠳᠤ᠂ ᠮᠠᠨ᠎ᠤ ᠤᠷᠤᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶᠤᠩᠭ᠎ᠠ ᠰᠡᠷᠭᠡᠶ᠋ᠢᠯᠡᠬᠦ ᠮᠡᠷᠭᠡᠵᠢᠯ᠎ᠤᠨ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠬᠢᠨᠠᠨ ᠲᠣᠭᠲᠠᠭ᠋ᠠᠬᠤ ᠲᠤᠬᠠᠶ ᠬᠠᠷᠢᠭᠤ ᠵᠠᠬᠢᠳᠠᠯ》 (ᠥᠪᠥᠷ ᠬᠥᠭᠵᠢᠭᠦᠯᠦᠯᠲᠡ ᠥᠭᠡᠷᠡᠴᠢᠯᠡᠯᠲᠡ ᠵᠠᠷᠤᠳᠠᠯ ᠵᠠᠬᠢᠳᠠᠯ [2015] 118 ᠳ᠋ᠤᠭ᠋ᠠᠷ ᠲᠤᠭ᠋ᠠᠲᠤ) ᠵᠢ ᠪᠠᠭᠤᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠶᠤᠩᠭ᠎ᠠ ᠰᠡᠷᠭᠡᠶ᠋ᠢᠯᠡᠬᠦ ᠮᠡᠷᠭᠡᠵᠢᠯ᠎ᠤᠨ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠤᠤᠯ ᠪᠠᠷᠢᠮᠵᠢᠶ᠎ᠠ᠎ᠠᠴᠠ 20 %᠎ᠪᠠᠷ ᠪᠠᠭᠤᠷᠠᠭᠤᠯᠵᠤ᠂ ᠤᠨᠴᠠᠭ᠋ᠠᠢ᠌ᠯᠠᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢ ᠵᠢᠨ ᠳᠤᠲᠤᠷᠠᠬᠢ ᠰᠠᠯᠬᠢᠨ᠎ᠤ ᠬᠦᠴᠦ᠎ᠪᠠᠷ ᠴᠠᠬᠢᠯᠭ᠋ᠠᠨ ᠭᠠᠷᠭ᠋ᠠᠬᠤ ᠠᠵᠤ ᠠᠬᠤᠶ᠋ᠢᠯᠠᠯ᠎ᠤᠨ ᠰᠠᠯᠬᠢᠨ᠎ᠤ ᠬᠦᠴᠦ᠎ᠪᠠᠷ ᠴᠠᠬᠢᠯᠭ᠋ᠠᠨ ᠭᠠᠷᠭ᠋ᠠᠬᠤ ᠠᠶᠤᠩᠭ᠎ᠠ᠎ᠠᠴᠠ ᠰᠡᠷᠭᠡᠶ᠋ᠢᠯᠡᠬᠦ ᠲᠤᠨᠤᠭ ᠲᠥᠬᠥᠭᠡᠷᠦᠮᠵᠢ ᠵᠢᠨ ᠪᠠᠷᠢᠯᠭ᠎ᠠ (ᠪᠦᠷᠢᠳᠦᠯ) ᠵᠢᠨ ᠠᠶᠤᠩᠭ᠎ᠠ ᠰᠡᠷᠭᠡᠶ᠋ᠢᠯᠡᠬᠦ ᠰᠢᠯᠭ᠋ᠠᠨ ᠪᠠᠶ᠋ᠢᠴᠠᠭ᠋ᠠᠬᠤ ᠵᠠᠷᠤᠳᠠᠯ᠎ᠢ ᠤᠤᠯ᠎ᠤᠨ ᠪᠠᠷᠢᠮᠵᠢᠶ᠎ᠠ᠎ᠪᠠᠷ ᠪᠠᠢ᠌ᠴᠠᠭ᠋ᠠᠨ ᠬᠡᠮᠵᠢᠬᠦ ᠴᠢᠭ᠋ ᠨᠢᠭᠡᠪᠦᠷᠢ᠎ᠠᠴᠠ 250 ᠲᠥᠭᠥᠷᠢᠭ ᠬᠤᠷᠢᠶᠠᠵᠤ ᠪᠠᠢ᠌ᠭᠰᠠᠨ᠎ᠢ 150 ᠲᠥᠭᠥᠷᠢᠭ ᠬᠤᠷᠢᠶᠠᠬᠤ ᠪᠤᠯᠭ᠋ᠠᠨ ᠪᠠᠭᠤᠷᠠᠭᠤᠯᠵᠤ᠂ ᠪᠠᠭᠤᠷᠠᠯᠲᠠ ᠵᠢᠨ ᠬᠡᠮᠵᠢᠶ᠎ᠡ᠎ᠨᠢ 40%᠎ᠲᠤ ᠬᠦᠷᠴᠦ᠂ ᠠᠵᠤ ᠠᠬᠤᠶ᠋ᠢᠯᠠᠯ᠎ᠳᠤ ᠵᠢᠯ ᠪᠦᠷᠢ 0.24 ᠳ᠋ᠦᠩᠰᠢᠭᠤᠷ ᠲᠥᠭᠥᠷᠢᠭ᠎ᠤᠨ ᠳᠠᠷᠤᠭ᠋ᠠᠰᠤ ᠵᠢ ᠬᠦᠩᠭᠡᠷᠡᠭᠦᠯᠵᠦ ᠦᠭᠪᠡ᠃
(ᠬᠣᠶᠠᠷ) ᠴᠠᠬᠢᠯᠭ᠋ᠠᠨ᠎ᠤ ᠦᠨ᠎ᠡ ᠵᠢ ᠪᠠᠭᠤᠷᠠᠭᠤᠯᠵᠤ᠂ ᠪᠠᠶ᠋ᠢᠭ᠋ᠠᠯᠢ ᠵᠢᠨ ᠰᠢᠲᠠᠮᠠᠬᠠᠶ ᠬᠡᠢ ᠵᠢᠨ ᠦᠨ᠎ᠡ ᠬᠠᠩᠰᠢ ᠵᠢᠨ ᠬᠠᠷᠠᠭ᠋ᠠᠯᠵᠠᠯ ᠦᠵᠡᠭᠦᠯᠬᠦ ᠲᠦᠷᠦ ᠵᠢᠨ ᠪᠤᠳᠤᠯᠭ᠎ᠠ ᠵᠢ ᠬᠡᠷᠡᠭᠵᠢᠭᠦᠯᠪᠡ
ᠴᠠᠬᠢᠯᠭ᠋ᠠᠨ᠎ᠤ ᠦᠨ᠎ᠡ ᠵᠢ ᠲᠣᠬᠢᠷᠠᠭᠤᠯᠬᠤ᠂ ᠴᠠᠬᠢᠯᠭ᠋ᠠᠨ ᠬᠦᠷᠭᠡᠬᠦ ᠲᠤᠬᠢᠷᠠᠭᠤᠯᠬᠤ ᠦᠨ᠎ᠡ ᠵᠢᠨ ᠥᠭᠡᠷᠡᠴᠢᠯᠡᠯᠲᠡ ᠵᠢᠨ ᠵᠡᠷᠭᠡ᠎ᠪᠠᠷ ᠴᠡᠪᠡᠷ ᠠᠰᠢᠭ ᠤᠯᠭᠤᠬᠤ᠎ᠪᠠᠷ ᠳᠠᠮᠵᠢᠭᠤᠯᠤᠨ᠂ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠵᠢᠯ᠎ᠳᠤ ᠪᠠᠷᠤᠭ 60.2 ᠳ᠋ᠦᠩᠰᠢᠭᠤᠷ ᠲᠥᠭᠥᠷᠢᠭ ᠬᠦᠩᠭᠡᠷᠡᠭᠦᠯᠪᠡ᠂ ᠡᠭᠦᠨ᠎ᠳᠤ᠄ ᠨᠢᠭᠡ᠎ᠳᠤ ᠨᠡᠭᠦᠷᠡᠰᠦ ᠴᠠᠬᠢᠯᠭ᠋ᠠᠨ᠎ᠤ ᠬᠠᠮᠲᠤᠷᠠᠨ ᠬᠥᠳᠡᠯᠦᠯᠴᠡᠬᠦ ᠲᠤᠭᠲᠠᠴᠠ᠎ᠪᠠᠷ ᠳᠠᠮᠵᠢᠭᠤᠯᠤᠨ ᠠᠵᠤ ᠠᠬᠤᠶ᠋ᠢᠯᠠᠯ᠎ᠤᠨ ᠬᠡᠷᠡᠭᠯᠡᠬᠦ ᠴᠠᠬᠢᠯᠭ᠋ᠠᠨ᠎ᠤ ᠥᠪᠡᠷ᠎ᠤᠨ ᠦᠷᠳᠡᠭ᠎ᠢ ᠵᠢᠯ᠎ᠳᠤ 6.91 ᠳ᠋ᠦᠩᠰᠢᠭᠤᠷ ᠲᠥᠭᠥᠷᠢᠭ ᠬᠦᠩᠭᠡᠷᠡᠭᠦᠯᠪᠡ᠃ ᠬᠣᠶᠠᠷ᠎ᠲᠤ ᠠᠵᠤ ᠠᠬᠤᠶ᠋ᠢᠯᠠᠯ᠎ᠤᠨ ᠦᠪᠡᠷ᠎ᠤᠨ ᠴᠠᠬᠢᠯᠭ᠋ᠠᠨ ᠦᠢ᠍ᠯᠡᠳᠪᠦᠷᠢ ᠵᠢᠨ ᠰᠢᠰᠲ᠋ᠧᠮ᠎ᠤᠨ ᠪᠡᠯᠡᠳᠬᠡᠯ ᠵᠠᠷᠤᠳᠠᠯ ᠲᠠᠲᠠᠪᠤᠷᠢᠯᠠᠬᠤ ᠪᠠᠷᠢᠮᠵᠢᠶ᠎ᠠ ᠵᠢ ᠪᠠᠭᠤᠷᠠᠭᠤᠯᠵᠤ᠂ ᠳᠤᠮᠳᠠᠴᠢ᠎ᠪᠠᠷ 40%᠎ᠪᠠᠷ ᠪᠠᠭᠤᠷᠠᠭᠤᠯᠵᠤ᠂ ᠵᠢᠱ᠌ᠢᠯᠲᠡ᠎ᠪᠠᠷ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠵᠢᠯ᠎ᠳᠤ 4.6 ᠳ᠋ᠦᠩᠰᠢᠭᠤᠷ ᠲᠥᠭᠥᠷᠢᠭ ᠬᠦᠩᠭᠡᠷᠡᠭᠦᠯᠪᠡ᠃ ᠭᠤᠷᠪᠠ᠎ᠳᠤ ᠴᠠᠬᠢᠯᠭ᠋ᠠᠨ ᠬᠦᠷᠭᠡᠬᠦ ᠪᠠ ᠲᠤᠬᠢᠷᠠᠭᠤᠯᠬᠤ ᠦᠨ᠎ᠡ ᠵᠢᠨ ᠥᠭᠡᠷᠡᠴᠢᠯᠡᠯᠲᠡ ᠵᠢ ᠬᠡᠷᠡᠭᠵᠢᠭᠦᠯᠵᠦ ᠠᠵᠤ ᠠᠬᠤᠶ᠋ᠢᠯᠠᠯ᠎ᠤᠨ ᠬᠡᠷᠡᠭᠯᠡᠬᠦ ᠴᠠᠬᠢᠯᠭ᠋ᠠᠨ᠎ᠤ ᠥᠪᠡᠷ᠎ᠤᠨ ᠦᠷᠳᠡᠭ᠎ᠢ 25.9 ᠳ᠋ᠦᠩᠰᠢᠭᠤᠷ ᠲᠥᠭᠥᠷᠢᠭ ᠣᠷᠴᠢᠮ ᠪᠠᠭᠤᠷᠠᠭᠤᠯᠪᠠ᠃ ᠲᠦᠷᠪᠡ᠎ᠳᠤ᠂ ᠵᠢᠱ᠌ᠢᠯᠲᠡ᠎ᠪᠠᠷ 2015 ᠣᠨ᠎ᠳᠤ ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠴᠠᠬᠢᠯᠭ᠋ᠠᠨ ᠲᠣᠣᠷ᠎ᠤᠨ ᠴᠠᠬᠢᠯᠭ᠋ᠠᠨ ᠬᠦᠴᠦᠨ᠎ᠤ ᠣᠯᠠᠨ ᠲᠠᠯᠠᠲᠤ ᠠᠷᠠᠯᠵᠢᠶᠠᠨ᠎ᠤ ᠴᠠᠬᠢᠯᠭ᠋ᠠᠨ ᠬᠡᠮᠵᠢᠶ᠎ᠡ 450 ᠳ᠋ᠦᠩᠰᠢᠭᠤᠷ ᠺᠢᠯᠣᠸᠠᠲ ᠴᠠᠭ ᠪᠤᠯᠬᠤ ᠦᠶ᠎ᠡ᠂ ᠠᠵᠤ ᠠᠬᠤᠶ᠋ᠢᠯᠠᠯ᠎ᠤᠨ ᠬᠡᠷᠡᠭᠯᠡᠬᠦ ᠴᠠᠬᠢᠯᠭ᠋ᠠᠨ᠎ᠤ ᠥᠪᠡᠷ᠎ᠤᠨ ᠦᠷᠳᠡᠭ᠎ᠢ 11.7 ᠳ᠋ᠦᠩᠰᠢᠭᠤᠷ ᠲᠥᠭᠥᠷᠢᠭ ᠪᠠᠭᠤᠷᠠᠭᠤᠯᠬᠤ ᠪᠣᠯᠤᠨ᠎ᠠ᠃ ᠲᠠᠪᠤ᠎ᠳᠤ᠂ 2015 ᠣᠨ᠎ᠤ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠤᠷᠤᠨ᠎ᠤ ᠴᠠᠬᠢᠯᠭ᠋ᠠᠨ ᠬᠦᠴᠦᠨ ᠬᠡᠷᠡᠭᠯᠡᠭᠴᠢ ᠬᠢᠭᠡᠳ ᠴᠠᠬᠢᠯᠭ᠋ᠠᠨ ᠭᠠᠷᠭ᠋ᠠᠬᠤ ᠠᠵᠤ ᠠᠬᠤᠶ᠋ᠢᠯᠠᠯ᠎ᠯᠤᠭ᠎ᠠ ᠵᠢᠨ ᠰᠢᠭᠤᠳ ᠠᠷᠠᠯᠵᠢᠶᠠᠨ᠎ᠤ ᠠᠵᠢᠯ᠂ ᠴᠠᠬᠢᠯᠭ᠋ᠠᠨ᠎ᠤ ᠬᠡᠮᠵᠢᠶ᠎ᠡ 75 ᠳ᠋ᠦᠩᠰᠢᠭᠤᠷ ᠺᠢᠯᠣᠸᠠᠲ ᠴᠠᠭ ᠪᠤᠯᠬᠤ ᠦᠶ᠎ᠡ᠂ ᠠᠵᠤ ᠠᠬᠤᠶ᠋ᠢᠯᠠᠯ᠎ᠤᠨ ᠬᠡᠷᠡᠭᠯᠡᠬᠦ ᠴᠠᠬᠢᠯᠭ᠋ᠠᠨ᠎ᠤ ᠥᠪᠡᠷ᠎ᠤᠨ ᠦᠷᠳᠡᠭ᠎ᠢ 7.5 ᠳ᠋ᠦᠩᠰᠢᠭᠤᠷ ᠲᠥᠭᠥᠷᠢᠭ ᠪᠠᠭᠤᠷᠠᠭᠤᠯᠪᠠ᠃ ᠵᠢᠷᠭᠤᠭ᠎ᠠ᠎ᠳᠤ ᠦᠢ᠍ᠯᠡᠳᠪᠦᠷᠢᠯᠡᠯ᠎ᠨᠢ ᠵᠤᠭᠰᠤᠭᠰᠠᠨ᠂ ᠬᠠᠭ᠋ᠠᠰ ᠵᠣᠭᠰᠣᠭᠰᠠᠨ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ ᠵᠶ᠋ᠠᠨ ᠰᠡᠷᠭᠦᠭᠡᠬᠦ᠎ᠳᠤ᠂ ᠦᠨᠳᠦᠰᠦᠨ ᠴᠠᠬᠢᠯᠭ᠋ᠠᠨ᠎ᠤ ᠰᠦᠢ᠍ᠳᠬᠡᠯ᠎ᠢ ᠵᠢᠯ ᠪᠦᠷᠢ ᠪᠠᠷᠤᠭ 2.9 ᠳ᠋ᠦᠩᠰᠢᠭᠤᠷ ᠲᠥᠭᠥᠷᠢᠭ ᠬᠠᠰᠤᠵᠤ ᠬᠡᠯᠲᠦᠷᠢᠭᠦᠯᠪᠡ᠃ ᠲᠤᠯᠤᠭ᠎ᠠ᠎ᠳᠤ ᠥᠪᠡᠷᠲᠡᠭᠡᠨ ᠵᠠᠰᠠᠬᠤ ᠣᠷᠣᠨ᠎ᠤ ᠲᠡᠳᠬᠦᠨ ᠳᠡᠮᠵᠢᠬᠦ ᠡᠭᠦᠯᠡᠨ ᠪᠣᠳᠣᠯᠳᠠ᠂ ᠭᠡᠷᠡᠯ ᠸᠣᠯᠲ᠎ᠤᠨ ᠠᠵᠤ ᠦᠢ᠍ᠯᠡᠰ ᠵᠡᠷᠭᠡ᠎ᠳᠤ ᠺᠢᠯᠤᠸᠠᠲ ᠴᠠᠭ ᠪᠦᠷᠢ᠎ᠳᠤ 0.38 ᠲᠥᠭᠥᠷᠢᠭ᠎ᠤᠨ ᠬᠠᠷᠠᠭ᠋ᠠᠯᠵᠠᠯᠲᠤ ᠴᠠᠬᠢᠯᠭ᠋ᠠᠨ᠎ᠤ ᠦᠨ᠎ᠡ ᠵᠢ ᠬᠡᠷᠡᠭᠵᠢᠭᠦᠯᠵᠦ᠂ ᠠᠵᠤ ᠠᠬᠤᠶ᠋ᠢᠯᠠᠯ᠎ᠤᠨ ᠬᠡᠷᠡᠭᠯᠡᠬᠦ ᠴᠠᠬᠢᠯᠭ᠋ᠠᠨ᠎ᠤ ᠥᠪᠡᠷ᠎ᠤᠨ ᠦᠷᠳᠡᠭ᠎ᠢ ᠵᠢᠯ᠎ᠳᠤ 0.56 ᠳ᠋ᠦᠩᠰᠢᠭᠤᠷ ᠲᠥᠭᠥᠷᠢᠭ ᠣᠷᠴᠢᠮ ᠬᠦᠩᠭᠡᠷᠡᠭᠦᠯᠪᠡ᠃ ᠡᠭᠦᠨ᠎ᠠᠴᠠ ᠭᠠᠳᠠᠨ᠎ᠠ᠂ ᠪᠠᠶ᠋ᠢᠭ᠋ᠠᠯᠢ ᠵᠢᠨ ᠰᠢᠲᠠᠮᠠᠬᠠᠶ ᠬᠡᠢ ᠵᠢᠨ ᠦᠨ᠎ᠡ ᠬᠠᠩᠰᠢ ᠵᠢ ᠲᠣᠬᠢᠷᠠᠭᠤᠯᠬᠤ᠎ᠳᠤ ᠴᠠᠭᠴᠢ ᠴᠤᠩᠬᠤ ᠵᠢ ᠡᠵᠡᠮᠰᠢᠬᠦ ᠪᠠ ᠪᠠᠶ᠋ᠢᠭ᠋ᠠᠯᠢ ᠵᠢᠨ ᠰᠢᠲᠠᠮᠠᠬᠠᠶ ᠬᠡᠢ ᠵᠢᠨ ᠦᠨ᠎ᠡ ᠬᠠᠩᠰᠢ ᠵᠢᠨ ᠬᠠᠷᠠᠭ᠋ᠠᠯᠵᠠᠯ ᠦᠵᠡᠭᠦᠯᠬᠦ ᠵᠢ ᠬᠡᠷᠡᠭᠵᠢᠭᠦᠯᠬᠦ᠎ᠪᠠᠷ ᠳᠠᠮᠵᠢᠨ᠂ ᠠᠵᠤ ᠠᠬᠤᠶ᠋ᠢᠯᠠᠯ᠎ᠳᠤ ᠥᠪᠡᠷ᠎ᠤᠨ ᠥᠷᠲᠡᠭ᠎ᠢ᠎ᠨᠢ 22.5 ᠳ᠋ᠦᠩᠰᠢᠭᠤᠷ ᠲᠥᠭᠥᠷᠢᠭ ᠠᠷᠪᠢᠯᠠᠵᠤ ᠦᠭᠪᠡ᠃ ᠠᠵᠤ ᠠᠬᠤᠶ ᠵᠢᠨ ᠪᠠᠭᠤᠷᠠᠬᠤ ᠳᠠᠷᠤᠯᠲᠠ ᠨᠡᠯᠢᠶᠡᠳ ᠶᠡᠬᠡ ᠪᠠᠶ᠋ᠢᠳᠠᠯ ᠳᠣᠣᠷ᠎ᠠ᠂ ᠦᠨ᠎ᠡ ᠬᠠᠩᠰᠢ ᠵᠢᠨ ᠲᠠᠯ᠎ᠠ ᠵᠢᠨ ᠠᠵᠢᠯ᠎ᠨᠢ ᠮᠠᠨ᠎ᠤ ᠣᠷᠣᠨ᠎ᠤ ᠲᠣᠭᠲᠠᠭᠤᠨ ᠨᠡᠮᠡᠭᠳᠡᠯ᠎ᠳᠤ ᠢᠳᠡᠪᠬᠢᠲᠡᠶ ᠠᠬᠢᠭᠤᠯᠬᠤ ᠦᠢ᠍ᠯᠡᠳᠦᠯ ᠦᠵᠡᠭᠦᠯᠵᠡᠢ᠃
(ᠭᠤᠷᠪᠠ) ᠨᠢᠭᠡ ᠪᠦᠯᠦᠭ ᠡᠵᠡᠩᠨᠡᠯᠲᠡ ᠵᠢᠨ ᠴᠢᠨᠠᠷᠲᠠᠶ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠪᠠ ᠪᠠᠷᠢᠮᠵᠢᠶ᠎ᠠ ᠵᠢ ᠬᠦᠴᠦᠨ ᠦᠭᠡᠢ ᠪᠤᠯᠭ᠋ᠠᠭᠰᠠᠨ ᠪᠠ ᠪᠠᠭᠤᠷᠠᠭᠤᠯᠪᠠ
ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠠᠭᠤᠴᠢ ᠦᠢ᠍ᠯᠡᠴᠢᠯᠭᠡ ᠵᠢ ᠢᠯᠭ᠋ᠠᠷᠠᠭᠤᠯᠤᠨ ᠵᠢᠷᠤᠮᠵᠢᠭᠤᠯᠬᠤ ᠲᠤᠬᠠᠶ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2015] 31 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ 《ᠵᠠᠰᠠᠭ᠎ᠤᠨ ᠣᠷᠳᠣᠨ᠎ᠤ ᠦᠨ᠎ᠡ ᠲᠤᠭᠲᠠᠭ᠋ᠠᠭᠰᠠᠨ ᠠᠵᠤ ᠠᠬᠤᠶ᠋ᠢᠯᠠᠯ᠎ᠳᠤ ᠬᠣᠯᠪᠣᠭᠳᠠᠬᠤ ᠡᠵᠡᠩᠨᠡᠯᠲᠡ ᠵᠢᠨ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠤᠨ ᠭᠠᠷᠴᠠᠭ᠎ᠤᠨ ᠨᠠᠷᠢᠨ ᠳᠠᠩᠰᠠ》 ᠵᠢ ᠲᠤᠭᠲᠠᠭ᠋ᠠᠬᠤ᠎ᠲᠠᠢ ᠤᠶᠠᠯᠳᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠠᠵᠤ ᠠᠬᠤᠶ᠋ᠢᠯᠠᠯ᠎ᠳᠤ ᠬᠣᠯᠪᠣᠭᠳᠠᠭᠰᠠᠨ ᠡᠵᠡᠩᠨᠡᠯᠲᠡ ᠦᠢ᠍ᠯᠡᠴᠢᠯᠡᠭᠡ ᠵᠢᠨ ᠴᠢᠨᠠᠷᠲᠠᠶ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠤᠨ13 ᠲᠦᠷᠦᠯ ᠵᠦᠢ᠍ᠯ᠎ᠢ ᠬᠦᠴᠦᠨ ᠦᠭᠡᠶ ᠪᠤᠯᠭ᠋ᠠᠬᠤ᠂ 4 ᠲᠦᠷᠦᠯ᠎ᠤᠨ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠪᠠᠭᠤᠷᠠᠭᠤᠯᠬᠤ᠎ᠪᠠᠷ ᠨᠡᠢ᠌ᠲᠡᠯᠡᠭᠡᠳ᠂ ᠵᠢᠱ᠌ᠢᠯᠲᠡ᠎ᠪᠠᠷ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠵᠢᠯ᠎ᠳᠤ1. 5 ᠳ᠋ᠦᠩᠰᠢᠭᠤᠷ ᠲᠥᠭᠥᠷᠢᠭ ᠬᠦᠩᠭᠡᠷᠡᠭᠦᠯᠪᠡ᠃
ᠳᠡᠭᠡᠷᠡᠬᠢ ᠠᠷᠭ᠎ᠠ ᠬᠡᠮᠵᠢᠶ᠎ᠡ᠎ᠨᠦᠭᠦᠳ ᠵᠶ᠋ᠡᠷ ᠳᠠᠮᠵᠢᠭᠤᠯᠤᠨ ᠮᠠᠨ᠎ᠤ ᠣᠷᠣᠨ᠎ᠤ ᠵᠢᠱ᠌ᠢᠯᠲᠡ᠎ᠪᠠᠷ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠵᠢᠯ᠎ᠳᠤ ᠨᠡᠢ᠍ᠢ᠍ᠳᠡ 78 ᠳ᠋ᠦᠩᠰᠢᠭᠤᠷ ᠲᠦᠬᠦᠷᠢᠭ ᠤᠷᠴᠢᠮ ᠬᠦᠩᠭᠡᠷᠡᠭᠦᠯᠪᠡ᠃
ᠬᠥᠲᠥᠯᠥᠭᠴᠢ᠄ ᠲᠠᠨ᠎ᠤ ᠲᠠᠨᠢᠯᠴᠠᠭᠤᠯᠤᠭᠰᠠᠨ ᠵᠶ᠋ᠠᠷ ᠳᠠᠮᠵᠢᠨ᠂ ᠪᠢᠳᠡ ᠮᠠᠨ᠎ᠤ ᠣᠷᠣᠨ ᠠᠵᠤ ᠠᠬᠤᠶ᠋ᠢᠯᠠᠯ᠎ᠳᠤ ᠬᠠᠷᠠᠭ᠋ᠠᠯᠵᠠᠯ ᠦᠵᠡᠭᠦᠯᠬᠦ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠲᠠᠯ᠎ᠠ᠎ᠪᠠᠷ ᠡᠶ᠋ᠢᠮᠦ ᠤᠯᠠᠨ ᠴᠢᠬᠤᠯᠠ ᠠᠵᠢᠯ ᠬᠢᠭᠰᠡᠨ᠎ᠢ ᠮᠡᠳᠡᠯ᠎ᠡ᠃ ᠸᠠᠩ ᠡᠷᠬᠢᠯᠡᠭᠴᠢ ᠮᠠᠨ᠎ᠤ ᠰᠤᠷᠪᠤᠯᠵᠢᠯᠠᠭ᠎ᠠ ᠶᠠᠷᠢᠯᠴᠠᠭ᠎ᠠ ᠵᠢᠨ ᠪᠤᠯᠤᠩ᠎ᠳᠤ ᠰᠠᠭ᠋ᠠᠲᠤᠭᠰᠠᠨᠳᠤ ᠲᠤᠢ᠌ᠯ ᠵᠶ᠋ᠠᠷ ᠲᠠᠯᠠᠷᠬᠠᠵᠤ ᠪᠠᠢ᠍ᠨ᠎ᠠ᠂ ᠮᠦᠨᠴᠦ ᠰᠦᠯᠵᠢᠶᠡᠨ᠎ᠤ ᠨᠠᠶ᠋ᠢᠵᠠ ᠨᠠᠷ᠎ᠤᠨ ᠬᠦᠯᠢᠶᠡᠨ ᠠᠪᠴᠤ ᠦᠵᠡᠭᠰᠡᠨ᠎ᠳᠤ ᠮᠠᠰᠢ ᠲᠠᠯᠠᠷᠬᠠᠵᠤ ᠪᠠᠢ᠍ᠨ᠎ᠠ᠃ ᠲᠣᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠲᠡᠭᠦᠰᠦᠯ᠎ᠡ᠂ ᠳᠠᠷᠠᠭ᠋ᠠᠴᠢ ᠵᠢᠨ ᠬᠤᠭᠤᠴᠠᠭ᠋ᠠᠨ᠎ᠳᠤ ᠵᠣᠯᠭ᠋ᠠᠶ᠎ᠠ!