ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠤᠷᠳᠤᠰ ᠬᠤᠲᠠ《ᠵᠢᠷᠭᠤᠭ᠎ᠠ ᠵᠢ ᠨᠢᠭᠡ ᠴᠤᠭᠴᠠᠵᠢᠭᠤᠯᠤᠨ᠂ ᠠᠷᠪᠠ ᠵᠢ ᠪᠦᠷᠢᠨ ᠪᠦᠷᠬᠦᠭᠦᠯᠬᠦ 》 ᠵᠢ ᠨᠢᠭᠡᠳᠤᠯᠲᠠᠢ ᠲᠦᠯᠬᠢᠨ ᠠᠬᠢᠭᠤᠯᠪᠠ
ᠨᠡᠶ᠋ᠢᠲᠡᠯᠡᠭᠰᠡᠨ ᠴᠠᠭ᠄ 2015-03-17

ᠰᠤᠷᠪᠤᠯᠵᠢᠯᠠᠭ᠎ᠠ ᠵᠢᠨ ᠭᠤᠤᠯ ᠰᠡᠳᠦᠪ᠄
          ᠤᠷᠳᠤᠰ ᠬᠤᠲᠠ《ᠵᠢᠷᠭᠤᠭ᠎ᠠ ᠵᠢ ᠨᠢᠭᠡ ᠴᠤᠭᠴᠠᠵᠢᠭᠤᠯᠤᠨ᠂ ᠠᠷᠪᠠ ᠵᠢ
          ᠪᠦᠷᠢᠨ ᠪᠦᠷᠬᠦᠭᠦᠯᠬᠦ  》   ᠵᠢ   ᠨᠢᠭᠡᠳᠤᠯᠲᠠᠢ   ᠲᠦᠯᠬᠢᠨ   ᠠᠬᠢᠭᠤᠯᠪᠠ


ᠰᠤᠷᠪᠤᠯᠵᠢᠯᠠᠭᠰᠠᠨ ᠴᠠᠭ ᠬᠤᠭᠤᠴᠠᠭ᠎ᠠ᠄
      2015 ᠤᠨ᠎ᠤ1 ᠳ᠋ᠤᠭᠡᠷ ᠰᠠᠷ᠎ᠠ ᠵᠢᠨ15᠎ᠤ ᠡᠳᠦᠷ᠎ᠤᠨ ᠦᠳᠡ ᠵᠢᠨ ᠡᠮᠦᠨᠡᠬᠢ 10 ᠴᠠᠭ
ᠰᠤᠷᠪᠤᠯᠵᠢᠯᠠᠨ ᠶᠠᠷᠢᠯᠴᠠᠭᠰᠠᠨ ᠵᠤᠴᠢᠨ᠄
      ᠤᠷᠳᠤᠰ ᠬᠤᠲᠠ ᠵᠢᠨ ᠨᠠᠮ᠎ᠤᠨ ᠬᠤᠷᠢᠶ᠎ᠠ ᠵᠢᠨ ᠳᠡᠳ᠋ ᠨᠠᠷᠢᠨ ᠪᠢᠴᠢᠭ᠎ᠤᠨ ᠳᠠᠷᠤᠭ᠎ᠠ᠂ ᠲᠠᠷᠢᠶᠠᠯᠠᠬᠤ ᠮᠠᠯᠵᠢᠬᠤ ᠤᠷᠤᠨ᠎ᠤ ᠠᠵᠢᠯ᠎ᠤᠨ ᠬᠡᠯᠳᠡᠰ᠎ᠤᠨ ᠳᠠᠷᠤᠭ᠎ᠠ   ᠭᠤᠤ ᠶᠤᠤ ᠸᠸᠢ
ᠰᠤᠷᠪᠤᠯᠵᠢᠯᠠᠭ᠎ᠠ ᠵᠢᠨ ᠲᠤᠪᠴᠢ᠄
      2014 ᠤᠨ᠎ᠤ ᠡᠬᠢ᠎ᠪᠠᠷ᠂ ᠦᠪᠡᠷᠲᠡᠭᠡᠨ ᠵᠠᠰᠠᠬᠤ ᠤᠷᠤᠨ᠎ᠠᠴᠠ ᠪᠦᠬᠦ ᠤᠷᠤᠨ᠎ᠤ ᠲᠠᠷᠢᠶᠠᠯᠠᠬᠤ ᠮᠠᠯᠵᠢᠬᠤ ᠤᠷᠤᠨ ᠎ᠳᠤ《ᠠᠷᠪᠠ ᠵᠢ ᠪᠦᠷᠢᠨ ᠪᠦᠷᠬᠦᠭᠦᠯᠬᠦ》 ᠢᠨᠵᠸᠨ᠋ᠸᠷᠢᠨᠭ᠎ᠢ ᠬᠡᠷᠡᠭᠵᠢᠭᠦᠯᠵᠦ᠂ ᠬᠤᠲᠠ ᠬᠦᠳᠡᠭᠡ ᠵᠢᠨ ᠵᠦᠷᠢᠶ᠎ᠡ ᠵᠢ ᠪᠠᠭ᠋ᠠᠰᠬᠠᠨ᠂   ᠤᠯᠠᠨ ᠨᠡᠢ᠌ᠳᠡ ᠵᠢᠨ ᠦᠨᠳᠤᠰᠤᠨ ᠦᠢ᠍ᠯᠡᠴᠢᠯᠡᠭᠡᠨ᠎ᠤ ᠲᠡᠨᠭᠴᠡᠭᠦᠷᠢᠲᠠᠢ ᠬᠦᠭᠵᠢᠬᠦ ᠵᠢ ᠠᠬᠢᠭᠤᠯᠤᠨ᠎ᠠ ᠭᠡᠵᠦ ᠲᠤᠷᠠᠳᠪᠠ᠃《ᠠᠷᠪᠠ ᠵᠢ ᠪᠦᠷᠢᠨ ᠪᠦᠷᠬᠦᠭᠦᠯᠬᠦ》ᠢᠨᠵᠸᠨ᠋ᠸᠷᠢᠨᠭ   ᠪᠤᠯ ᠤᠢ᠌ᠷ᠎ᠠ ᠵᠢᠨ ᠭᠤᠷᠪᠠᠨ ᠵᠢᠯ᠎ᠳᠠᠬᠢ ᠲᠠᠷᠢᠶᠠᠯᠠᠬᠤ ᠮᠠᠯᠵᠢᠬᠤ ᠤᠷᠤᠨ᠎ᠤ ᠬᠠᠮᠤᠭ᠎ᠤᠨ ᠶᠡᠬᠡ ᠠᠷᠠᠳ᠎ᠤᠨ ᠠᠮᠢᠳᠤᠷᠠᠯ᠎ᠤᠨ ᠬᠠᠮᠤᠭ᠎ᠤᠨ ᠲᠤᠮᠤ ᠢᠨᠵᠸᠨ᠋ᠸᠷᠢᠨᠭ ᠪᠤᠯᠤᠨ᠎ᠠ᠃《ᠠᠷᠪᠠ ᠵᠢ ᠪᠦᠷᠢᠨ ᠪᠦᠷᠬᠦᠭᠦᠯᠬᠦ》ᠢᠨᠵᠸᠨ᠋ᠸᠷᠢᠨᠭ᠎ᠤᠨ ᠠᠬᠢᠴᠠ ᠵᠢᠨ ᠪᠠᠢ᠌ᠳᠠᠯ᠎ᠢ ᠤᠯᠠᠮ ᠨᠢᠭᠡ ᠠᠯᠬᠤᠮ ᠤᠢ᠌ᠯᠠᠭ᠋ᠠᠬᠤ ᠵᠢᠨ ᠲᠤᠯᠠᠳᠠ᠂ ᠤᠢ᠌ᠷ᠎ᠠ ᠎ᠳᠤ  ᠂ ᠪᠢᠳᠡ ᠤᠨᠴᠠᠭ᠋ᠠᠢ᠌ᠯᠠᠨ ᠤᠷᠳᠤᠰ ᠬᠤᠲᠠ ᠵᠢᠨ ᠨᠠᠮ᠎ᠤᠨ ᠬᠤᠷᠢᠶ᠎ᠠ ᠵᠢᠨ ᠳᠡᠳ᠋ ᠨᠠᠷᠢᠨ ᠪᠢᠴᠢᠭ᠎ᠤᠨ ᠳᠠᠷᠤᠭ᠎ᠠ᠂ ᠲᠠᠷᠢᠶᠠᠯᠠᠬᠤ ᠮᠠᠯᠵᠢᠬᠤ ᠤᠷᠤᠨ᠎ᠤ ᠠᠵᠢᠯ᠎ᠤᠨ ᠬᠡᠯᠳᠡᠰ᠎ᠤᠨ ᠳᠠᠷᠤᠭ᠎ᠠ ᠭᠤᠤ ᠶᠤᠤ ᠸᠸᠢ ᠵᠢ 《ᠳᠤᠮᠳᠠᠲᠤ ᠤᠯᠤᠰ   ᠦᠪᠦᠷ ᠮᠤᠨᠭ᠌ᠭᠤᠯ》 ᠰᠦᠯᠵᠢᠶᠡᠨ᠎ᠳᠤ ᠤᠷᠢᠨ ᠵᠠᠯᠠᠵᠤ᠂ ᠤᠷᠳᠤᠰ ᠬᠤᠲᠠ ᠵᠢᠨ《ᠠᠷᠪᠠ ᠵᠢ ᠪᠦᠷᠢᠨ ᠪᠦᠷᠬᠦᠭᠦᠯᠬᠦ》ᠢᠨᠵᠸᠨ᠋ᠸᠷᠢᠨᠭ᠎ᠢ ᠬᠡᠷᠡᠭᠵᠢᠭᠦᠯᠦᠭᠰᠡᠨ ᠬᠤᠯᠪᠤᠭᠳᠠᠯ ᠪᠦᠬᠦᠢ ᠪᠠᠢ᠌ᠳᠠᠯ᠎ᠢ ᠲᠠ ᠪᠦᠭᠦᠨ᠎ᠲᠠᠢ ᠵᠤᠭᠤᠭᠳᠠᠭᠤᠯᠬᠤ᠎ᠪᠠᠷ ᠪᠤᠯᠪᠠ᠃ ᠲᠤᠬᠠᠢ ᠵᠢᠨ ᠦᠶᠡᠰ᠂ ᠰᠦᠯᠵᠢᠶᠡᠨ ᠠᠨᠳᠠ ᠨᠠᠷ᠎ᠤᠨ ᠢᠳᠡᠪᠬᠢᠲᠠᠢ ᠤᠷᠤᠯᠴᠠᠬᠤ ᠵᠢ ᠪᠠᠶᠠᠷᠯᠠᠨ ᠤᠭᠳᠤᠵᠦ ᠪᠠᠢ᠌ᠨ᠎ᠠ!
    [ᠬᠦᠲᠦᠯᠦᠭᠴᠢ] ᠰᠦᠯᠵᠢᠶᠡᠨ ᠠᠨᠳᠠ ᠨᠠᠷ ᠰᠠᠢ᠌ᠨ ᠪᠠᠢ᠌ᠨ᠎ᠠ? ᠲᠠ ᠪᠦᠬᠦᠨ᠎ᠤ《ᠳᠤᠮᠳᠠᠳᠤ ᠤᠯᠤᠰ   ᠦᠪᠦᠷ ᠮᠤᠨᠭ᠌ᠭᠤᠯ》 ᠰᠦᠯᠵᠢᠶᠡᠨ᠎ᠤ ᠰᠤᠷᠪᠤᠯᠵᠢᠯᠠᠨ ᠶᠠᠷᠢᠯᠴᠠᠬᠤ ᠪᠤᠯᠤᠨᠭ᠌᠎ᠢ ᠬᠦᠯᠢᠶᠡᠨ ᠠᠪᠴᠤ ᠦᠵᠡᠬᠦ ᠵᠢ   ᠪᠠᠶᠠᠷᠯᠠᠨ ᠤᠭᠳᠤᠵᠦ ᠪᠠᠢ᠌ᠨ᠎ᠠ᠃ ᠦᠨᠦᠳᠦᠷ ᠪᠢᠳᠡ ᠤᠷᠳᠤᠰ ᠬᠤᠲᠠ ᠵᠢᠨ ᠨᠠᠮ᠎ᠤᠨ ᠬᠤᠷᠢᠶ᠎ᠠ ᠵᠢᠨ ᠳᠡᠳ᠋ ᠨᠠᠷᠢᠨ ᠪᠢᠴᠢᠭ᠎ᠤᠨ ᠳᠠᠷᠤᠭ᠎ᠠ᠂ ᠲᠠᠷᠢᠶᠠᠯᠠᠬᠤ ᠮᠠᠯᠵᠢᠬᠤ ᠤᠷᠤᠨ᠎ᠤ ᠠᠵᠢᠯ᠎ᠤᠨ ᠬᠡᠯᠳᠡᠰ᠎ᠤᠨ ᠳᠠᠷᠤᠭ᠎ᠠ ᠭᠤᠤ ᠶᠤᠤ ᠸᠸᠢ ᠨᠦᠬᠦᠷ᠎ᠢ ᠵᠠᠯᠠᠵᠤ᠂ ᠤᠷᠳᠤᠰ ᠬᠤᠲᠠ ᠵᠢᠨ《ᠠᠷᠪᠠ ᠵᠢ ᠪᠦᠷᠢᠨ ᠪᠦᠷᠬᠦᠭᠦᠯᠬᠦ》ᠢᠨᠵᠸᠨ᠋ᠸᠷᠢᠨᠭ᠎ᠢ ᠬᠡᠷᠡᠭᠵᠢᠭᠦᠯᠦᠭᠰᠡᠨ ᠲᠠᠯ᠎ᠠ᠎ᠪᠠᠷ᠎ᠬᠢ ᠬᠤᠯᠪᠤᠭᠳᠠᠯ ᠪᠦᠬᠦᠢ ᠪᠠᠢ᠌ᠳᠠᠯ᠎ᠢ ᠲᠠᠨᠢᠯᠴᠠᠭᠤᠯᠬᠤ᠎ᠪᠠᠷ ᠪᠤᠯᠪᠠ᠃ ᠭᠤᠤ ᠨᠠᠷᠢᠨ ᠪᠢᠴᠢᠭ᠎ᠤᠨ ᠳᠠᠷᠤᠭ᠎ᠠ ᠡ᠂ ᠲᠠᠨ᠎ᠢ ᠪᠠᠶᠠᠷᠯᠠᠨ ᠤᠭᠳᠤᠵᠦ ᠪᠠᠢ᠌ᠨ᠎ᠠ!
   [ᠵᠤᠴᠢᠨ ᠭᠤᠤ ᠶᠤᠤ ᠸᠸᠢ] ᠬᠦᠲᠦᠯᠦᠭᠴᠢ ᠰᠠᠢ᠌ᠨ ᠤᠤ᠂ ᠰᠦᠯᠵᠢᠶᠡᠨ᠎ᠤ ᠠᠨᠳᠠ ᠨᠠᠷ᠎ᠤᠳ ᠮᠢᠨᠢ ᠰᠠᠢ᠌ᠨ ᠪᠠᠢ᠌ᠵᠠᠭ᠋ᠠᠨ᠎ᠠ ᠤᠤ!   ᠡᠨᠳᠡ ᠲᠠ ᠪᠦᠬᠦᠨ᠎ᠲᠠᠢ ᠶᠠᠷᠢᠯᠴᠠᠬᠤ ᠪᠤᠯᠤᠭᠰᠠᠨ᠎ᠳᠠᠭᠠᠨ ᠰᠡᠳᠬᠢᠯ ᠮᠠᠰᠢ ᠦᠨᠳᠦᠷ ᠪᠠᠢ᠌ᠨ᠎ᠠ!
   [ᠬᠦᠲᠦᠯᠦᠭᠴᠢ  ] ᠡᠩ ᠲᠡᠷᠢᠭᠦᠨ᠎ᠳᠤ ᠭᠤᠤ ᠨᠠᠷᠢᠨ ᠪᠢᠴᠢᠭ᠎ᠤᠨ ᠳᠠᠷᠤᠭ᠎ᠠ ᠲᠠ ᠪᠢᠳᠡᠨ᠎ᠳᠤ《ᠠᠷᠪᠠ   ᠵᠢ ᠪᠦᠷᠢᠨ ᠪᠦᠷᠬᠦᠭᠦᠯᠬᠦ》ᠢᠨᠵᠸᠨ᠋ᠸᠷᠢᠨᠭ᠎ᠳᠤ ᠶᠠᠮᠠᠷ ᠪᠤᠳᠠᠲᠠᠢ ᠠᠭᠤᠯᠭ᠎ᠠ ᠪᠠᠭᠲᠠᠬᠤ ᠵᠢ ᠲᠠᠨᠢᠯᠴᠠᠭᠤᠯᠵᠤ ᠦᠭᠭᠦᠨ᠎ᠡ ᠤᠤ?
   [ᠵᠤᠴᠢᠨ   ᠭᠤᠤ ᠶᠤᠤ ᠸᠸᠢ] ᠲᠠᠷᠢᠶᠠᠯᠠᠬᠤ ᠮᠠᠯᠵᠢᠬᠤ ᠤᠷᠤᠨ᠎ᠤ《ᠠᠷᠪᠠ ᠵᠢ ᠪᠦᠷᠢᠨ ᠪᠦᠷᠬᠦᠭᠦᠯᠬᠦ》ᠢᠨᠵᠸᠨ᠋ᠸᠷᠢᠨᠭ᠎ᠳᠤ ᠭᠤᠤᠯᠳᠠᠭᠤ ᠲᠠᠷᠢᠶᠠᠯᠠᠬᠤ ᠮᠠᠯᠵᠢᠬᠤ ᠤᠷᠤᠨ᠎ᠤ ᠨᠤᠷᠠᠬᠤ ᠠᠶᠤᠯᠲᠠᠢ ᠬᠡᠷ ᠪᠠᠢ᠌ᠰᠢᠨᠭ᠌᠎ᠢ ᠵᠠᠰᠠᠵᠦ ᠦᠬᠡᠷᠡᠴᠢᠯᠡᠬᠦ᠂   ᠤᠤᠭᠤᠬᠤ ᠤᠰᠤ ᠵᠢ ᠠᠮᠤᠷ ᠲᠦᠪᠰᠢᠨ ᠪᠠᠢ᠌ᠯᠭ᠋ᠠᠬᠤ᠂ ᠭᠠᠴᠠᠭ᠎ᠠ ᠲᠤᠰᠬᠤᠨ ᠵᠡᠭᠡᠯᠢ ᠭᠤᠳᠤᠮᠵᠢ ᠵᠠᠮ᠎ᠢ   ᠬᠠᠳᠠᠭᠤᠷᠠᠭᠤᠯᠬᠤ᠂ ᠬᠦᠳᠡᠭᠡ ᠲᠤᠰᠬᠤᠨ ᠎ᠳᠤ ᠴᠠᠬᠢᠯᠭ᠋ᠠᠨ ᠨᠡᠪᠳᠡᠷᠡᠭᠦᠯᠬᠦ ᠬᠢᠭᠡᠳ ᠬᠦᠳᠡᠭᠡ ᠲᠤᠰᠬᠤᠨ᠎ᠤ ᠰᠦᠯᠵᠢᠶ᠎ᠡ ᠵᠢ ᠦᠬᠡᠷᠡᠴᠢᠯᠡᠬᠦ᠂ ᠲᠤᠰᠬᠤᠨ ᠪᠦᠷᠢ᠎ᠳᠤ ᠷᠠᠳᠢᠤ᠋ ᠨᠡᠪᠲᠡᠷᠡᠭᠦᠯᠭᠡ ᠴᠢᠮᠡᠭᠡ ᠨᠡᠪᠳᠡᠷᠡᠯᠭᠡ ᠨᠡᠪᠳᠡᠷᠡᠭᠦᠯᠬᠦ᠂ ᠰᠤᠷᠭ᠋ᠠᠭᠤᠯᠢ ᠵᠢᠨ ᠪᠠᠢ᠌ᠷᠢ ᠵᠢᠨ ᠪᠦᠲᠦᠭᠡᠨ ᠪᠠᠢ᠌ᠭᠤᠯᠤᠯᠲᠠ ᠬᠢᠭᠡᠳ ᠠᠮᠤᠷ ᠲᠦᠪᠰᠢᠨ᠎ᠤ ᠦᠭᠡᠷᠡᠴᠢᠯᠡᠯᠲᠡ ᠬᠢᠬᠦ᠂ ᠭᠠᠴᠠᠭ᠎ᠠ ᠲᠤᠰᠬᠤᠨ᠎ᠳᠤ ᠪᠠᠷᠢᠮᠵᠢᠶᠠᠵᠢᠭᠰᠠᠨ ᠡᠷᠡᠭᠦᠯ ᠬᠠᠮᠠᠭ᠋ᠠᠯᠠᠯ᠎ᠤᠨ ᠦᠷᠦᠭᠡ᠎ᠲᠠᠢ ᠪᠠᠢ᠌ᠯᠭ᠋ᠠᠬᠤ᠂ ᠭᠠᠴᠠᠭ᠎ᠠ ᠲᠤᠰᠬᠤᠨ᠎ᠳᠤ ᠰᠤᠶᠤᠯ᠎ᠤᠨ ᠠᠵᠢᠯᠯᠠᠭ᠋ᠠᠨ᠎ᠤ ᠦᠷᠦᠭᠡ᠎ᠲᠠᠢ ᠪᠠᠢ᠌ᠯᠭ᠋ᠠᠬᠤ᠂ ᠠᠷᠠᠳ᠎ᠲᠤ ᠳᠦᠭᠦᠮ ᠦᠵᠡᠭᠦᠯᠬᠦ ᠬᠤᠯᠪᠤᠭ᠋ᠠᠲᠤ ᠰᠦᠫᠸᠷ ᠳᠡᠯᠭᠡᠬᠦᠷ ᠭᠠᠷᠭ᠋ᠠᠬᠤ᠂ ᠲᠠᠷᠢᠶᠠᠯᠠᠬᠤ ᠮᠠᠯᠵᠢᠬᠤ ᠤᠷᠤᠨ᠎ᠤ ᠪᠠᠢ᠌ᠨᠭ᠌ᠭᠤ ᠰᠠᠭᠤᠭ᠎ᠠ ᠬᠦᠮᠦᠨ ᠠᠮᠠ ᠵᠢᠨ ᠨᠠᠰᠤᠲᠠᠨ᠎ᠤ ᠠᠰᠠᠷᠠᠯ ᠡᠮ ᠡᠮᠨᠡᠯᠭᠡ ᠨᠠᠭ᠋ᠠᠲᠤ ᠵᠠᠬ᠎ᠠ ᠵᠢᠨ ᠪᠠᠲᠤᠯᠠᠭ᠎ᠠ ᠵᠡᠷᠭᠡ ᠨᠡᠢ᠌ᠭᠡᠮ᠎ᠤᠨ ᠪᠠᠳᠤᠯᠠᠭ᠎ᠠ ᠵᠢᠨ ᠠᠷᠪᠠᠨ ᠢᠨᠵᠸᠨ᠋ᠸᠷᠢᠨᠭ ᠪᠠᠭᠲᠠᠨ᠎ᠠ᠃ ᠴᠡᠭᠡᠵᠢᠯᠡᠬᠦ᠎ᠳᠤ ᠳᠦᠭᠦᠮ᠎ᠢ ᠪᠤᠳᠤᠵᠦ᠂ ᠪᠢᠳᠡ ᠡᠨᠡ ᠠᠷᠪᠠᠨ ᠲᠤᠮᠤ ᠢᠨᠵᠸᠨ᠋ᠸᠷᠢᠨᠭ᠎ᠢ《ᠤᠰᠤ ᠴᠠᠬᠢᠯᠭ᠋ᠠᠨ ᠵᠠᠮ ᠴᠢᠮᠡᠭᠡ ᠬᠡᠷ᠂ ᠨᠡᠢ᠌ᠭᠡᠮ ᠬᠦᠮᠤᠵᠢᠯ   ᠰᠤᠶᠤᠯ ᠡᠮᠴᠢᠯᠡᠭᠡ ᠬᠤᠳᠠᠯᠳᠤᠭ᠎ᠠ》 ᠬᠡᠵᠤ ᠳᠦᠭᠦᠮᠴᠢᠯᠡᠪᠡ᠂ ᠤᠢ᠌ᠯᠠᠭ᠋ᠠᠮᠵᠢᠲᠠᠢ ᠰᠢᠭ ᠬᠡᠯᠡᠪᠡᠯ᠂ ᠦᠷᠭᠡᠨ ᠤᠯᠠᠨ ᠲᠠᠷᠢᠶᠠᠴᠢᠨ ᠮᠠᠯᠴᠢᠨ᠎ᠳᠤ《ᠠᠭᠤᠵᠢᠮ ᠲᠤᠬᠢᠯᠢᠭ ᠬᠡᠷ ᠪᠠᠢ᠌ᠰᠢᠨᠭ᠌᠎ᠲᠠᠢ᠂ ᠲᠡᠭᠰᠢ ᠳᠠᠷᠳᠠᠨᠭ᠌ ᠵᠠᠮ᠎ᠲᠠᠢ᠂ ᠴᠡᠪᠡᠷ ᠲᠤᠩᠭ᠋ᠠᠯᠠᠭ ᠤᠤᠭᠤᠬᠤ ᠤᠰᠤ᠎ᠲᠠᠢ᠂   ᠷᠠᠳᠢᠤ᠋ ᠲᠸᠯᠸᠢᠰ᠎ᠨᠢ ᠰᠤᠨᠤᠰᠬᠤ ᠦᠵᠡᠬᠦ ᠫᠷᠤᠭ᠌ᠷᠠᠮ᠎ᠲᠠᠢ᠂ ᠪᠡᠶ᠎ᠡ ᠵᠢᠨ ᠬᠦᠳᠡᠯᠭᠡᠭᠡᠨ ᠬᠢᠬᠦ ᠲᠠᠯᠠᠪᠤᠷ᠎ᠲᠠᠢ᠂ ᠡᠷᠦᠬᠡ ᠪᠦᠷᠢ᠎ᠳᠤ ᠴᠠᠬᠢᠯᠭ᠋ᠠᠨ᠎ᠲᠠᠢ᠂ ᠰᠤᠷᠭ᠋ᠠᠭᠤᠯᠢ ᠵᠢᠨ ᠪᠠᠢ᠌ᠷᠢ᠎ᠨᠢ ᠠᠮᠤᠷ ᠲᠦᠪᠰᠢᠨ ᠂ ᠡᠪᠡᠳᠴᠢᠨ ᠦᠵᠡᠬᠦᠯᠬᠦ᠎ᠳᠤ ᠬᠢᠯᠪᠡᠷ ᠳᠦᠭᠦᠮ᠂   ᠤᠢ᠌ᠷ᠎ᠠ ᠵᠠᠭᠤᠷ᠎ᠠ᠎ᠪᠠᠨ ᠬᠤᠷᠰᠢᠶ᠎ᠠ ᠬᠤᠳᠠᠯᠳᠤᠭ᠎ᠠ᠎ᠲᠠᠢ᠂ ᠦᠳᠡᠯᠡᠭᠡᠳ ᠢᠷᠡᠪᠡᠯ ᠳᠠᠭ᠋ᠠᠳᠬᠠᠯ᠎ᠲᠠᠢ》ᠪᠠᠢ᠌ᠯᠭ᠋ᠠᠬᠤ ᠶᠠᠪᠤᠳᠠᠯ ᠪᠤᠯᠤᠨ᠎ᠠ᠃ ᠡᠨᠡ ᠠᠷᠪᠠᠨ ᠢᠨᠵᠸᠨ᠋ᠸᠷᠢᠨᠭ᠎ᠨᠢ ᠨᠡᠢ᠌ᠭᠡᠮ ᠨᠡᠢ᠌ᠲᠡ ᠵᠢᠨ ᠦᠢ᠍ᠯᠡᠴᠢᠯᠡᠭᠡᠨ᠎ᠤ ᠭᠤᠤᠯ ᠲᠠᠯ᠎ᠠ ᠵᠢ ᠬᠠᠮᠤᠷᠴᠤ᠂ ᠨᠢᠳᠤᠨ ᠡᠮᠤᠨᠡᠬᠢ ᠪᠤᠯᠤᠨ ᠠᠯᠤᠰ ᠬᠡᠳᠤ ᠵᠢ ᠨᠢᠭᠡᠳᠦᠯᠲᠠᠢ ᠬᠠᠷᠠᠭ᠋ᠠᠯᠵᠠᠵᠤ᠂ ᠱᠠᠭ᠋ᠠᠷᠳᠠᠯᠭ᠎ᠠ ᠪᠠ ᠪᠤᠯᠤᠯᠴᠠᠭ᠎ᠠ ᠵᠢ ᠬᠦᠢ᠍ᠴᠡᠳ ᠪᠤᠳᠤᠯᠬᠢᠯᠠᠨ᠂ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠠᠰᠠᠭ᠎ᠤᠨ ᠤᠷᠳᠤᠨ᠎ᠠᠴᠠ ᠦᠷᠭᠡᠨ ᠤᠯᠠᠨ ᠲᠠᠷᠢᠶᠠᠴᠢᠨ ᠮᠠᠯᠴᠢᠨ᠎ᠳᠤ ᠦᠭᠭᠦᠭᠰᠡᠨ ᠲᠦᠪ ᠴᠢᠩᠭ᠎ᠠ ᠠᠮᠠᠯᠠᠯᠳᠠ ᠪᠤᠯᠤᠨ᠎ᠠ᠃ ᠢᠨᠵᠸᠨ᠋ᠸᠷᠢᠨᠭ᠎ᠤᠨ ᠬᠠᠮᠤᠷᠤᠭᠰᠠᠨ ᠲᠠᠯ᠎ᠠ ᠤᠯᠠᠨ᠂ ᠪᠡᠯᠡ ᠮᠦᠨᠭᠭᠦ ᠵᠢᠨ ᠬᠡᠷᠡᠭᠴᠡᠬᠡ ᠶᠡᠬᠡ᠂ ᠪᠡᠶᠡᠯᠡᠭᠦᠯᠬᠦ ᠴᠠᠭ ᠪᠠᠴᠢᠮ ᠲᠤᠯᠠ ᠨᠢᠭᠡᠨ ᠬᠦᠴᠢᠷ ᠪᠡᠷᠭᠡᠰᠢᠶᠡᠯᠲᠠᠢ ᠪᠦᠭᠡᠳ ᠪᠠᠴᠢᠮ ᠡᠭᠦᠷᠭᠡ ᠪᠤᠯᠬᠤ ᠮᠦᠷᠳᠡᠭᠡᠨ ᠪᠠᠰᠠ ᠲᠠᠷᠢᠶᠠᠯᠠᠬᠤ ᠮᠠᠯᠵᠢᠬᠤ ᠤᠷᠤᠨ᠎ᠤ ᠨᠦᠬᠦᠴᠡᠯ᠎ᠢ ᠰᠠᠢ᠌ᠵᠢᠷᠠᠭᠤᠯᠬᠤ᠂ ᠬᠤᠲᠠ ᠬᠦᠳᠡᠭᠡ ᠵᠢᠨ ᠵᠦᠷᠢᠶ᠎ᠡ ᠵᠢ ᠪᠠᠭ᠋ᠠᠰᠬᠠᠬᠤ᠂ ᠡᠪ ᠵᠤᠬᠢᠴᠠᠯᠳᠤ ᠬᠦᠭᠵᠢᠯᠲᠡ ᠵᠢ ᠠᠬᠢᠭᠤᠯᠬᠤ ᠴᠢᠬᠤᠯᠠ ᠶᠡᠭᠡ ᠠᠵᠠ ᠲᠤᠬᠢᠶᠠᠯ ᠪᠤᠯᠤᠨ᠎ᠠ᠃
   [ᠬᠦᠲᠦᠯᠦᠭᠴᠢ] ᠲᠡᠭᠡᠪᠡᠯ ᠤᠷᠳᠤᠰ ᠬᠤᠲᠠ ᠶᠠᠮᠠᠷ ᠠᠵᠢᠯ᠎ᠤᠨ ᠰᠡᠳᠬᠢᠴᠡ᠎ᠪᠠᠷ ᠡᠯ᠎ᠡ ᠲᠦᠷᠦᠯ᠎ᠤᠨ ᠪᠦᠲᠦᠭᠡᠨ ᠪᠠᠢ᠌ᠭᠤᠯᠤᠯᠲᠠ ᠵᠢᠨ ᠡᠭᠦᠷᠭᠡ ᠵᠢ ᠨᠢᠭᠡᠳᠤᠯᠲᠠᠢ ᠲᠤᠬᠢᠷᠠᠭᠤᠯᠤᠭᠰᠠᠨ ᠪᠤᠢ?
   [ᠵᠤᠴᠢᠨ   ᠭᠤᠤ ᠶᠤᠤ ᠸᠸᠢ] ᠭᠤᠷᠪᠠᠨ ᠵᠢᠯ᠎ᠤᠨ ᠬᠤᠭᠤᠴᠠᠭ᠋ᠠᠨ᠎ᠳᠤ ᠲᠠᠷᠢᠶᠠᠯᠠᠬᠤ ᠮᠠᠯᠵᠢᠬᠤ ᠤᠷᠤᠨ᠎ᠳᠤ ᠤᠯᠠᠨ ᠨᠡᠢ᠌ᠲᠡ ᠵᠢᠨ   ᠦᠨᠳᠤᠰᠤᠨ ᠦᠢ᠍ᠯᠡᠴᠢᠯᠡᠬᠡᠨ᠎ᠢ ᠪᠦᠬᠦᠨ᠎ᠢ ᠪᠦᠷᠬᠦᠬᠦᠯᠬᠦ᠎ᠳᠤ ᠬᠦᠷᠢᠶ᠎ᠡ ᠬᠡᠪᠴᠢᠶ᠎ᠡ ᠦᠷᠭᠡᠨ᠂ ᠴᠠᠭ ᠬᠤᠭᠤᠴᠠᠭ᠎ᠠ ᠪᠠᠴᠢᠮ᠂ ᠡᠭᠦᠷᠭᠡ ᠬᠦᠨᠳᠦ ᠪᠠᠢ᠌ᠭ᠎ᠠ ᠶᠤᠮ᠃ ᠡᠨᠡᠬᠦ ᠯᠤᠳᠤ ᠶᠡᠬᠡ ᠰᠢᠰᠲᠸᠮᠳᠤ ᠢᠨᠵᠸᠨ᠋ᠸᠷᠢᠨᠭ᠎ᠢ ᠰᠠᠢ᠌ᠨ ᠬᠡᠷᠡᠭᠵᠢᠭᠦᠯᠬᠦ ᠵᠢᠨ ᠲᠤᠯᠠᠳᠠ᠂ ᠬᠤᠲᠠ ᠵᠢᠨ   ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ ᠮᠠᠨ᠎ᠤ ᠬᠤᠲᠠ ᠵᠢᠨ ᠭᠤᠤᠯ ᠳᠠᠭ᠋ᠠᠤ᠂ ᠬᠢᠷ᠎ᠠ ᠭᠠᠵᠠᠷ᠂ ᠲᠠᠷᠢᠶᠠᠯᠠᠬᠤ ᠤᠷᠤᠨ᠂ ᠮᠠᠯᠵᠢᠬᠤ ᠤᠷᠤᠨ᠎ᠤ ᠠᠳᠠᠯᠢ ᠪᠤᠰᠤ ᠤᠨᠴᠠᠯᠢᠭ᠎ᠢ ᠦᠨᠳᠦᠰᠦᠯᠡᠵᠤ᠂ ᠨᠠᠷᠢᠨ ᠬᠢᠨᠠᠮᠠᠭ᠋ᠠᠢ ᠰᠤᠳᠤᠯᠤᠭᠰᠠᠨ ᠰᠠᠭᠤᠷᠢᠨ ᠳᠡᠭᠡᠷ᠎ᠡ᠂《  ᠲᠦᠯᠦᠪᠵᠢᠭᠦᠯᠬᠡ᠎ᠪᠠᠷ ᠵᠠᠮᠴᠢᠯᠠᠭᠤᠯᠵᠦ᠂ ᠦᠯᠢᠭᠡᠷ ᠵᠢᠱ᠌ᠢᠶ᠎ᠡ᠎ᠪᠠᠷ ᠳᠠᠭ᠋ᠠᠭᠤᠯᠵᠦ᠂ ᠲᠤᠬᠠᠢ ᠵᠢᠨ ᠭᠠᠵᠠᠷ᠎ᠲᠠᠭᠠᠨ ᠲᠤᠬᠢᠷᠠᠭᠤᠯᠵᠤ᠂ ᠲᠦᠷᠦᠯ ᠬᠤᠪᠢᠶᠠᠨ ᠵᠢᠯᠤᠭᠤᠳᠴᠤ᠂〈ᠵᠢᠷᠭᠤᠭ᠎ᠠ ᠵᠢ ᠨᠢᠭᠡ ᠴᠤᠭᠴᠠᠵᠢᠭᠤᠯᠵᠤ〉᠂ ᠨᠢᠭᠡᠳᠦᠯᠲᠠᠢ ᠲᠦᠯᠬᠢᠨ ᠠᠬᠢᠭᠤᠯᠵᠤ᠂ ᠠᠷᠠᠳ ᠲᠦᠮᠡᠨ᠎ᠳᠤ ᠲᠦᠰᠢᠭᠯᠡᠵᠦ᠂ ᠴᠤᠭ ᠵᠶ᠋ᠡᠷ ᠠᠳᠬᠤᠨ ᠬᠠᠮᠳᠤ᠎ᠪᠠᠷ ᠪᠦᠲᠦᠬᠡᠨ ᠪᠠᠢ᠌ᠭᠤᠯᠬᠤ》ᠶᠡᠷᠦᠨᠭᠭᠡᠢ ᠠᠵᠢᠯ᠎ᠤᠨ ᠰᠡᠳᠬᠢᠴᠡ ᠵᠢ ᠳᠤᠷᠠᠳᠪᠠ᠃
    《ᠲᠦᠯᠦᠪᠵᠢᠭᠦᠯᠭᠡ᠎ᠪᠠᠷ ᠵᠠᠮᠴᠢᠯᠠᠭᠤᠯᠵᠦ᠂   ᠦᠯᠢᠭᠡᠷ ᠵᠢᠱ᠌ᠢᠶ᠎ᠡ᠎ᠪᠠᠷ ᠳᠠᠭ᠋ᠠᠭᠤᠯᠬᠤ》 ᠬᠡᠳᠡᠭ᠎ᠨᠢ《ᠠᠷᠪᠠ ᠵᠢ ᠪᠦᠷᠢᠨ ᠪᠦᠷᠬᠦᠭᠦᠯᠬᠦ》ᠢᠨᠵᠸᠨ᠋ᠸᠷᠢᠨᠭ᠎ᠢ ᠬᠡᠷᠡᠭᠵᠢᠬᠦᠯᠬᠦ ᠰᠢᠨᠵᠢᠯᠡᠬᠦ ᠤᠬᠠᠭ᠋ᠠᠨᠴᠢ ᠴᠢᠨᠠᠷ ᠪᠠ ᠵᠢᠱ᠌ᠢᠶ᠎ᠠ ᠦᠵᠡᠬᠦᠯᠬᠦ ᠴᠢᠨᠠᠷ᠎ᠢ ᠳᠤᠪᠤᠢ᠌ᠯᠭ᠋ᠠᠬᠤ ᠵᠢᠨ ᠲᠦᠯᠦᠭᠡ ᠶᠤᠮ᠃ ᠨᠢᠭᠡᠳᠦᠯᠲᠠᠢ ᠲᠦᠯᠦᠪᠵᠢᠭᠦᠯᠭᠡ ᠵᠢ ᠰᠠᠢ᠌ᠲᠤᠷ ᠬᠢᠬᠦ ᠵᠢᠨ ᠲᠤᠯᠠᠳᠠ᠂ ᠬᠤᠲᠠ ᠵᠢᠨ ᠱᠠᠲᠤᠨ᠎ᠠᠴᠠ ᠬᠦᠳᠡᠭᠡ ᠲᠤᠰᠬᠤᠨ᠂ ᠮᠠᠯᠵᠢᠬᠤ ᠤᠷᠤᠨ᠎ᠤ《ᠠᠷᠪᠠ ᠵᠢ ᠪᠦᠷᠢᠨ ᠪᠦᠷᠬᠦᠭᠦᠯᠬᠦ》ᠢᠨᠵᠸᠨ᠋ᠸᠷᠢᠨᠭ᠎ᠤᠨ ᠵᠢᠯᠤᠭᠤᠳᠬᠤ ᠰᠠᠨᠠᠯ ᠪᠤᠯᠤᠨ ᠬᠡᠷᠡᠭᠵᠢᠬᠦᠯᠬᠦ ᠲᠦᠰᠦᠯ᠎ᠢ ᠲᠤᠰ ᠲᠤᠰ ᠳᠤᠷᠠᠳᠪᠠ᠃ ᠬᠤᠲᠠ ᠬᠤᠰᠢᠭᠤ ᠲᠤᠭᠤᠷᠢᠭ᠎ᠨᠢ ᠭᠠᠴᠠᠭ᠎ᠠ ᠲᠤᠰᠬᠤᠨ᠎ᠤ ᠪᠠᠢ᠌ᠷᠢᠯᠠᠭᠤᠯᠤᠯᠳᠠ ᠵᠢ ᠨᠢᠭᠡᠳᠦᠯᠲᠠᠢ ᠲᠦᠯᠦᠪᠵᠢᠭᠦᠯᠵᠤ᠂ ᠭᠠᠴᠠᠭ᠎ᠠ ᠲᠤᠰᠬᠤᠨ᠎ᠢ ᠬᠠᠰᠤᠬᠤ ᠨᠡᠢ᠌ᠯᠡᠭᠦᠯᠬᠦ᠂ ᠦᠯᠡᠳᠡᠭᠡᠬᠦ ᠪᠠ ᠭᠤᠤᠯᠳᠠᠯᠭ᠎ᠠ᠎ᠲᠠᠢ ᠬᠦᠭᠵᠢᠭᠦᠯᠬᠦ ᠲᠦᠯᠦᠪᠯᠡᠭᠡ ᠵᠢ ᠰᠢᠨᠵᠢᠯᠡᠬᠦ ᠤᠬᠠᠭ᠋ᠠᠨᠴᠢ᠎ᠪᠠᠷ ᠲᠤᠭᠳᠠᠭ᠋ᠠᠪᠠ᠃ ᠡᠯ᠎ᠡ ᠬᠤᠰᠢᠭᠤ ᠲᠤᠭᠤᠷᠢᠭ ᠭᠤᠷᠪᠠᠨ ᠵᠢᠯ᠎ᠤᠨ ᠪᠦᠲᠦᠭᠡᠨ ᠪᠠᠢ᠌ᠭᠤᠯᠤᠯᠲᠠ ᠵᠢᠨ ᠲᠦᠯᠦᠪᠵᠢᠭᠦᠯᠭᠡ᠂ ᠤᠨ᠎ᠤ ᠪᠦᠲᠦᠭᠡᠨ ᠪᠠᠢ᠌ᠭᠤᠯᠤᠯᠲᠠ ᠵᠢᠨ ᠲᠦᠯᠦᠪᠵᠢᠭᠦᠯᠭᠡ ᠪᠠ ᠳᠠᠨᠭ᠌ ᠲᠦᠷᠦᠯ᠎ᠤᠨ ᠲᠦᠯᠦᠪᠵᠢᠭᠦᠯᠭᠡ ᠵᠢ ᠲᠤᠰ ᠲᠤᠰ ᠲᠤᠭᠲᠠᠭ᠋ᠠᠪᠠ᠃ ᠲᠦᠯᠦᠪᠵᠢᠭᠦᠯᠭᠡ ᠵᠢᠨ ᠰᠠᠯᠠᠭ᠎ᠠ ᠮᠦᠴᠢᠷ ᠬᠢᠭᠡᠳ ᠡᠯ᠎ᠡ ᠰᠤᠮᠤ ᠰᠢᠶᠠᠨᠭ᠌ ᠪᠠᠯᠭ᠋ᠠᠰᠤ ᠪᠤᠳᠠᠲᠤ ᠪᠠᠢ᠌ᠳᠠᠯ ᠵᠶ᠋ᠠᠨ ᠦᠨᠳᠦᠰᠦᠯᠡᠵᠤ᠂ ᠲᠤᠰᠬᠤᠨ ᠳᠠᠷᠠᠭ᠋ᠠᠯᠠᠨ ᠡᠷᠦᠬᠡ ᠳᠠᠷᠠᠭ᠋ᠠᠯᠠᠨ ᠲᠦᠯᠦᠪᠵᠢᠭᠦᠯᠭᠡ ᠬᠢᠵᠦ᠂ ᠤᠨᠴᠠᠯᠢᠭ ᠪᠠ ᠦᠷ᠎ᠡ ᠪᠦᠲᠦᠮᠵᠢ ᠵᠢ ᠴᠢᠬᠤᠯᠠᠴᠢᠯᠠᠵᠤ᠂ ᠡᠯ᠎ᠡ ᠲᠦᠷᠦᠯ ᠵᠦᠢ᠍ᠯ᠎ᠢ ᠰᠢᠨᠵᠢᠯᠡᠬᠦ ᠤᠬᠠᠭ᠋ᠠᠨᠴᠢ᠎ᠪᠠᠷ ᠲᠦᠯᠦᠪᠵᠢᠭᠦᠯᠤᠨ᠂《ᠲᠤᠰᠬᠤᠨ ᠪᠦᠷᠢ᠎ᠳᠤ ᠨᠢᠭᠡ ᠲᠦᠯᠦᠪᠵᠢᠭᠦᠯᠭᠡ᠂ ᠡᠷᠦᠭᠡ ᠪᠦᠷᠢ᠎ᠳᠤ ᠨᠢᠭᠡ ᠵᠢᠷᠤᠭ》᠎ᠲᠠᠢ ᠪᠤᠯᠭ᠋ᠠᠪᠠ᠃ ᠦᠯᠢᠭᠡᠷ ᠵᠢᠱ᠌ᠢᠶ᠎ᠡ᠎ᠪᠠᠷ ᠳᠠᠭ᠋ᠠᠭᠤᠯᠬᠤ ᠵᠢ ᠴᠢᠨᠭ᠌ᠭ᠋ᠠᠳᠬᠠᠬᠤ ᠵᠢᠨ ᠲᠤᠯᠠᠳᠠ᠂ ᠪᠦᠬᠦ ᠬᠤᠲᠠ ᠵᠢᠨ ᠲᠠᠷᠢᠶᠠᠯᠠᠬᠤ ᠮᠠᠯᠵᠢᠬᠤ ᠤᠷᠤᠨ《ᠭᠤᠷᠪᠠᠨ ᠤᠷᠤᠨ》᠎ᠤ ᠬᠦᠭᠵᠢᠯᠲᠡ ᠵᠢᠨ ᠲᠦᠯᠦᠪᠵᠢᠭᠦᠯᠭᠡ᠎ᠲᠠᠢ ᠤᠶᠠᠯᠳᠤᠭᠤᠯᠤᠨ᠂ ᠬᠦᠮᠦᠨ ᠠᠮᠠ ᠵᠢᠨ ᠬᠤᠪᠢᠷᠠᠯᠲᠠ ᠵᠢᠨ ᠪᠠᠢ᠌ᠳᠠᠯ᠂ ᠠᠢ᠌ᠯ ᠲᠤᠰᠬᠤᠨ᠎ᠤ ᠨᠡᠭᠦᠬᠦ ᠬᠠᠨᠳᠤᠰᠢ ᠪᠠ ᠠᠵᠦ ᠦᠢ᠍ᠯᠡᠰ᠎ᠤᠨ ᠬᠦᠭᠵᠢᠯᠲᠡ ᠵᠢᠨ ᠳᠠᠯᠳᠠ ᠬᠦᠴᠦᠨ᠎ᠢ ᠦᠨᠳᠦᠰᠦᠯᠡᠨ᠂   ᠲᠤᠰ ᠲᠤᠰ  ᠎ᠤᠨ ᠤᠨᠴᠠᠯᠢᠭ᠎ᠲᠠᠢ᠂ ᠦᠪᠡᠷ ᠦᠪᠡᠷ᠎ᠤᠨ ᠭᠤᠤᠯᠳᠠᠯᠭ᠎ᠠ᠎ᠲᠠᠢ ᠪᠠᠢ᠌ᠬᠤ ᠲᠦᠯᠬᠢᠨ ᠠᠬᠢᠭᠤᠯᠬᠤ ᠬᠡᠯᠪᠡᠷᠢ ᠵᠢ ᠰᠦᠪᠡᠭᠴᠢᠯᠡᠪᠡ᠃ ᠬᠤᠲᠠ ᠪᠠᠯᠭ᠋ᠠᠰᠤ ᠵᠢᠨ ᠨᠡᠢ᠌ᠯᠡᠭᠦᠯᠬᠦ ᠬᠡᠯᠪᠡᠷᠢ ᠵᠢᠨ ᠪᠦᠲᠦᠭᠡᠨ ᠪᠠᠢ᠌ᠭᠤᠯᠤᠯᠲᠠ ᠵᠢᠨ ᠦᠯᠢᠭᠡᠷ ᠬᠡᠪ᠎ᠲᠠᠢ ᠠᠳᠠᠯᠢ᠎ᠪᠠᠷ ᠬᠤᠲᠠ ᠪᠠᠯᠭ᠋ᠠᠰᠤ᠂ ᠦᠢ᠍ᠯᠡᠳᠪᠦᠷᠢ ᠵᠢᠨ ᠬᠦᠷᠢᠶᠡᠯᠡᠨᠭ ᠲᠤᠭᠤᠷᠢᠭ᠎ᠤᠨ ᠤᠢ᠌ᠷᠠᠯᠴᠠᠭ᠋ᠠᠬᠢ ᠭᠠᠴᠠᠭ᠎ᠠ ᠲᠤᠰᠬᠤᠨ᠎ᠢ ᠵᠢᠵᠢᠭ ᠬᠤᠲᠠ ᠪᠠᠯᠭ᠋ᠠᠰᠤᠨ᠎ᠤ ᠲᠦᠯᠦᠪᠵᠢᠭᠦᠯᠭᠡ᠎ᠳᠤ ᠪᠦᠬᠦᠯᠢ ᠴᠤᠭᠴᠠ᠎ᠪᠠᠷ᠎ᠨᠢ ᠤᠷᠤᠭᠤᠯᠤᠨ᠂ ᠠᠢ᠌ᠯ ᠲᠤᠰᠬᠤᠨ᠎ᠢ ᠵᠢᠵᠢᠭ ᠬᠤᠲᠠ ᠪᠠᠯᠭ᠋ᠠᠰᠤᠨ᠎ᠳᠤ ᠲᠦᠪᠯᠡᠷᠡᠭᠦᠯᠬᠦ ᠵᠢ ᠠᠬᠢᠭᠤᠯᠪᠠ᠃ ᠲᠦᠪ᠎ᠲᠤ ᠲᠦᠪᠯᠡᠷᠡᠭᠦᠯᠬᠦ ᠬᠡᠯᠪᠡᠷᠢ ᠵᠢᠨ ᠦᠯᠢᠭᠡᠷ ᠬᠡᠪ᠎ᠲᠠᠢ ᠠᠳᠠᠯᠢ᠎ᠪᠠᠷ ᠬᠦᠭᠵᠢᠯᠲᠡ ᠵᠢᠨ ᠨᠦᠬᠦᠴᠡᠯ ᠵᠶ᠋ᠡᠷ ᠨᠡᠯᠢᠶᠡᠳ ᠰᠠᠢ᠌ᠨ᠂ ᠬᠦᠮᠦᠨ ᠠᠮᠠ ᠬᠠᠷᠢᠴᠠᠨᠭ᠌ᠭᠤᠢ ᠲᠦᠪᠯᠡᠷᠡᠭᠰᠡᠨ ᠭᠠᠴᠠᠭ᠎ᠠ ᠲᠤᠰᠬᠤᠨ᠎ᠳᠤ᠂ ᠨᠤᠷᠠᠬᠤ ᠠᠶᠤᠯᠲᠠᠢ ᠬᠡᠷ ᠪᠠᠢ᠌ᠰᠢᠨᠭ᠌᠎ᠢ ᠵᠠᠰᠠᠵᠦ ᠦᠭᠡᠷᠡᠴᠢᠯᠡᠬᠦ ᠬᠢᠭᠡᠳ ᠲᠤᠰᠬᠤᠨ᠎ᠤ ᠳᠦᠷᠢ ᠳᠦᠷᠬᠦ ᠵᠢ ᠵᠠᠰᠠᠵᠦ ᠴᠡᠭᠴᠡᠯᠡᠬᠦ᠎ᠯᠦᠭᠡ   ᠡᠮᠬᠢ ᠵᠢᠷᠤᠮ᠎ᠲᠠᠢ ᠵᠠᠯᠭ᠋ᠠᠯᠳᠤᠭᠤᠯᠬᠤ ᠵᠢ ᠪᠠᠷᠢᠮᠲᠠᠯᠠᠵᠤ᠂ ᠦᠨᠳᠦᠷ ᠡᠬᠢᠯᠡᠯᠲᠡ᠂ ᠳᠡᠭᠡᠳᠤ ᠪᠠᠷᠢᠮᠵᠢᠶ᠎ᠠ᠎ᠪᠠᠷ ᠠᠢ᠌ᠯ ᠲᠤᠰᠬᠤᠨ᠎ᠤ ᠲᠦᠯᠦᠪᠵᠢᠭᠦᠯᠭᠡ ᠵᠢ ᠬᠢᠵᠦ᠂ ᠤᠰᠤ᠂ ᠴᠠᠬᠢᠯᠭ᠋ᠠᠨ᠂ ᠵᠠᠮ᠂ ᠴᠢᠮᠡᠭᠡ ᠵᠡᠷᠭᠡ ᠰᠠᠭᠤᠷᠢ ᠪᠡᠯᠡᠳᠭᠡᠮᠵᠢ ᠪᠠ ᠰᠤᠶᠤᠯ᠎ᠤᠨ ᠠᠵᠢᠯᠯᠠᠭ᠋ᠠᠨ᠎ᠤ ᠦᠷᠦᠭᠡ᠂ ᠡᠮ ᠡᠮᠨᠡᠯᠭᠡ ᠵᠢᠨ ᠦᠷᠦᠬᠡ᠂ ᠠᠷᠠᠳ᠎ᠲᠤ ᠳᠦᠭᠦᠮ ᠦᠵᠡᠭᠦᠯᠬᠦ ᠰᠤᠫᠸᠷ ᠳᠡᠯᠭᠡᠬᠦᠷ ᠵᠡᠷᠭᠡ ᠨᠡᠢ᠌ᠭᠡᠮ ᠨᠡᠢ᠌ᠲᠡ ᠵᠢᠨ ᠦᠢ᠍ᠯᠡᠴᠢᠯᠡᠭᠡᠨ᠎ᠤ ᠭᠠᠵᠠᠷ᠎ᠢ ᠲᠦᠪᠯᠡᠷᠡᠭᠦᠯᠦᠨ ᠲᠦᠬᠦᠷᠵᠢᠭᠦᠯᠪᠠ᠃ ᠬᠡᠷ ᠪᠦᠯᠢ ᠵᠢᠨ ᠮᠠᠯᠵᠢᠯ᠎ᠤᠨ ᠲᠠᠯᠠᠪᠠᠢ ᠵᠢᠨ ᠬᠡᠯᠪᠡᠷᠢ ᠵᠢᠨ ᠦᠯᠢᠭᠡᠷ ᠬᠡᠪ᠎ᠲᠠᠢ ᠠᠳᠠᠯᠢ᠎ᠪᠠᠷ ᠪᠠᠢ᠌ᠭ᠋ᠠᠯᠢ ᠵᠢᠨ ᠨᠦᠬᠦᠴᠡᠯ ᠵᠶ᠋ᠡᠷ ᠨᠡᠯᠢᠶᠡᠳ ᠰᠠᠢ᠌ᠨ ᠮᠠᠯᠵᠢᠬᠤ ᠤᠷᠤᠨ᠎ᠳᠤ᠂ ᠲᠡᠨᠢᠭᠡᠷ ᠠᠭᠤᠳᠠᠮ ᠲᠠᠯ᠎ᠠ ᠨᠤᠲᠤᠭ ᠪᠠ ᠦᠨᠳᠦᠰᠦᠲᠡᠨ᠎ᠤ ᠰᠤᠶᠤᠯ᠎ᠤᠨ ᠤᠨᠴᠠᠯᠢᠭ᠎ᠲᠤ ᠲᠦᠰᠢᠭᠯᠡᠵᠤ᠂ ᠨᠤᠷᠠᠬᠤ ᠠᠶᠤᠯᠲᠠᠢ ᠬᠡᠷ ᠪᠠᠢ᠌ᠰᠢᠨᠭ᠌᠎ᠢ   ᠵᠠᠰᠠᠵᠦ ᠦᠭᠡᠷᠡᠴᠢᠯᠡᠬᠦ᠎ᠲᠠᠢ᠎ᠲᠠᠢ ᠤᠶᠠᠯᠳᠤᠭᠤᠯᠤᠨ᠂ ᠬᠡᠷ ᠪᠦᠯᠢ ᠵᠢᠨ ᠮᠠᠯᠵᠢᠯ᠎ᠤᠨ ᠲᠠᠯᠠᠪᠠᠢ ᠵᠢ ᠭᠤᠤᠯᠳᠠᠯᠭ᠎ᠠ᠎ᠲᠠᠢ ᠪᠦᠲᠦᠭᠡᠨ ᠪᠠᠢ᠌ᠭᠤᠯᠵᠤ᠂ ᠪᠤᠬᠢᠷᠳᠤᠯ ᠦᠭᠡᠢ ᠲᠡᠵᠢᠭᠡᠨ ᠦᠷᠡᠵᠢᠬᠦᠯᠬᠦ᠂ ᠤᠨᠴᠠᠯᠢᠭᠲᠤ ᠵᠢᠭᠤᠯᠴᠢᠯᠠᠯ ᠵᠶ᠋ᠠᠷ ᠭᠤᠤᠯ ᠪᠤᠯᠭ᠋ᠠᠭᠰᠠᠨ ᠬᠦᠷᠢᠶᠡᠯᠡᠨᠭ ᠲᠤᠰᠬᠤᠨ᠎ᠢ ᠴᠤᠭᠴᠠᠯᠠᠨ ᠪᠠᠢ᠌ᠭᠤᠯᠪᠠ᠃ ᠰᠢᠯᠵᠢᠭᠦᠯᠦᠨ ᠰᠢᠯᠢᠳᠡᠭᠵᠢᠬᠦᠯᠬᠦ ᠬᠡᠯᠪᠡᠷᠢ ᠵᠢᠨ ᠦᠯᠢᠭᠡᠷ ᠬᠡᠪ᠎ᠲᠠᠢ ᠠᠳᠠᠯᠢ᠎ᠪᠠᠷ ᠬᠦᠮᠦᠨ ᠠᠮᠠ ᠵᠢᠨ ᠰᠠᠭᠤᠷᠢᠰᠢᠯ ᠲᠠᠷᠬᠠᠢ ᠪᠤᠲᠠᠷᠬᠠᠢ᠂ ᠠᠮᠢ ᠠᠬᠤᠢ ᠵᠢᠨ ᠤᠷᠴᠢᠨ ᠲᠤᠭᠤᠷᠢᠨ ᠬᠡᠪᠡᠷᠡᠭ ᠭᠠᠵᠠᠷ ᠤᠷᠤᠨ᠎ᠳᠤ᠂ ᠲᠠᠷᠢᠶᠠᠴᠢᠨ ᠮᠠᠯᠴᠢᠨ᠎ᠢ ᠢᠳᠡᠪᠬᠢᠲᠠᠢ ᠵᠢᠯᠤᠭᠤᠳᠤᠨ ᠬᠤᠲᠠ ᠪᠠᠯᠭ᠋ᠠᠰᠤ᠂ ᠲᠦᠪ ᠲᠤᠰᠬᠤᠨ᠎ᠳᠤ ᠰᠢᠯᠵᠢᠭᠦᠯᠬᠦ ᠪᠤᠶᠤ ᠠᠵᠦ ᠦᠢ᠍ᠯᠡᠰ ᠬᠦᠭᠵᠢᠭᠦᠯᠬᠦ᠎ᠳᠤ ᠲᠤᠬᠢᠷᠠᠬᠤ᠎ᠳᠤ᠂ ᠬᠦᠮᠦᠨ ᠠᠮᠠ ᠰᠠᠭᠤᠷᠢᠰᠢᠬᠤ᠎ᠳᠤ ᠠᠰᠢᠭᠲᠠᠢ ᠭᠠᠵᠠᠷ ᠤᠷᠤᠨ᠎ᠢ ᠰᠤᠩᠭᠤᠭᠤᠯᠪᠠ᠃ ᠡᠭᠦᠨ᠎ᠤ ᠬᠠᠮᠲᠤ᠂ ᠪᠢᠳᠡ《ᠠᠷᠪᠠ ᠵᠢ ᠪᠦᠷᠢᠨ ᠪᠦᠷᠬᠦᠭᠦᠯᠬᠦ》ᠢᠨᠵᠸᠨ᠋ᠸᠷᠢᠨᠭ᠎ᠤᠨ ᠵᠢᠱ᠌ᠢᠶ᠎ᠡ ᠦᠵᠡᠭᠦᠯᠬᠦ ᠴᠢᠭ᠋᠎ᠢ ᠢᠳᠡᠪᠬᠢᠲᠠᠢ ᠴᠤᠭᠴᠠᠯᠠᠵᠤ᠂ ᠵᠢᠱ᠌ᠢᠶ᠎ᠡ ᠦᠵᠡᠭᠦᠯᠬᠦ ᠴᠢᠭ᠋᠎ᠤᠨ ᠪᠦᠲᠦᠭᠡᠨ ᠪᠠᠢ᠌ᠭᠤᠯᠤᠯᠲᠠ ᠵᠢ ᠦᠨᠳᠦᠷ ᠪᠠᠷᠢᠮᠵᠢᠶ᠎ᠠ᠎ᠪᠠᠷ ᠲᠦᠯᠦᠪᠵᠢᠭᠦᠯᠵᠤ᠂ ᠦᠨᠳᠦᠷ ᠬᠢᠷᠢ ᠲᠦᠪᠰᠢᠨ ᠵᠶ᠋ᠠᠷ ᠲᠦᠯᠬᠢᠨ ᠠᠬᠢᠭᠤᠯᠵᠤ᠂ ᠦᠯᠢᠭᠡᠷ ᠳᠠᠭᠤᠷᠢᠶᠠᠯ ᠪᠤᠯᠭ᠋ᠠᠵᠦ᠂ ᠦᠯᠢᠭᠡᠷ ᠵᠢᠱ᠌ᠢᠶ᠎ᠡ᠎ᠪᠠᠷ ᠳᠠᠭ᠋ᠠᠭᠤᠯᠬᠤ ᠲᠠᠢ᠌ᠴᠢᠨ ᠦᠢ᠍ᠯᠡᠳᠦᠯ᠎ᠢ ᠪᠠᠳᠠᠷᠠᠭᠤᠯᠪᠠ᠃ ᠵᠢᠯ ᠪᠦᠷᠢ ᠵᠢᠨ ᠠᠵᠢᠯ᠎ᠤᠨ ᠭᠤᠤᠯᠳᠠᠯᠭ᠎ᠠ ᠵᠢ ᠳᠤᠳᠤᠷᠬᠠᠢ᠌ᠯᠠᠬᠤ ᠵᠢᠨ ᠲᠤᠯᠠᠳᠠ᠂ ᠪᠢᠳᠡ ᠭᠤᠷᠪᠠᠨ ᠵᠢᠯ᠎ᠤᠨ《ᠠᠷᠪᠠ ᠵᠢ ᠪᠦᠷᠢᠨ ᠪᠦᠷᠬᠦᠭᠦᠯᠬᠦ》 ᠠᠵᠢᠯ᠎ᠤᠨ ᠡᠭᠦᠷᠭᠡ᠎ᠳᠤ ᠵᠠᠳᠠᠯᠤᠯᠳᠠ ᠬᠢᠵᠦ᠂ 2014 ᠤᠨ᠎ᠢ ᠦᠯᠢᠭᠡᠷ ᠵᠢᠱ᠌ᠢᠶ᠎ᠡ᠎ᠪᠠᠷ ᠳᠠᠭ᠋ᠠᠭᠤᠯᠬᠤ ᠵᠢᠯ᠂ 2015᠎ᠢ ᠪᠦᠬᠦ ᠲᠠᠯ᠎ᠠ᠎ᠪᠠᠷ ᠰᠢᠪᠲᠤᠯᠠᠬᠤ ᠵᠢᠯ᠂ 2016 ᠤᠨ᠎ᠢ ᠬᠦᠨᠵᠡᠭᠡᠢ᠌ᠷᠡᠬᠦᠯᠤᠨ ᠳᠡᠭᠡᠭᠰᠢᠯᠡᠭᠦᠯᠬᠦ ᠵᠢᠯ᠎ᠪᠠᠷ ᠳᠤᠭᠳᠠᠭ᠋ᠠᠵᠦ᠂ ᠭᠤᠷᠪᠠᠨ ᠵᠢᠯ᠎ᠤᠨ ᠴᠢᠷᠮᠠᠢ᠌ᠯᠭ᠎ᠠ᠎ᠪᠠᠷ ᠳᠠᠮᠵᠢᠨ᠂《ᠠᠷᠪᠠ ᠵᠢ ᠪᠦᠷᠢᠨ ᠪᠦᠷᠬᠦᠭᠦᠯᠬᠦ》 ᠪᠦᠲᠦᠭᠡᠨ   ᠪᠠᠢ᠌ᠭᠤᠯᠤᠯᠳᠠ ᠵᠢᠨ ᠡᠭᠦᠷᠭᠡ ᠵᠢ ᠦᠨᠳᠦᠷ ᠪᠠᠷᠢᠮᠵᠢᠶ᠎ᠠ᠂ ᠴᠢᠨᠠᠷ ᠰᠠᠢ᠌ᠲᠠᠢ ᠪᠡᠶᠡᠯᠡᠭᠦᠯᠬᠦ᠎ᠪᠠᠷ ᠴᠢᠷᠮᠠᠢ᠌ᠨ᠎ᠠ᠃
    [ᠵᠤᠴᠢᠨ   ᠭᠤᠤ ᠶᠤᠤ ᠸᠸᠢ] 《ᠲᠤᠬᠠᠢ ᠵᠢᠨ ᠭᠠᠵᠠᠷ᠎ᠲᠠᠭᠠᠨ ᠲᠤᠬᠢᠷᠠᠭᠤᠯᠵᠤ᠂ ᠲᠦᠷᠦᠯ ᠬᠤᠪᠢᠶᠠᠨ ᠵᠢᠯᠤᠭᠤᠳᠬᠤ》 ᠭᠡᠳᠡᠭ᠎ᠨᠢ᠂ ᠬᠠᠲᠤᠨ ᠭᠤᠤᠯ ᠳᠠᠭ᠋ᠠᠤ᠂ ᠲᠤᠭᠲᠠᠪᠤᠷᠢ ᠦᠭᠡᠢ ᠭᠤᠤᠯ ᠳᠠᠭ᠋ᠠᠤ᠂ ᠵᠠᠮ ᠬᠠᠷᠢᠯᠴᠠᠭ᠋ᠠᠨ᠎ᠤ ᠱᠤᠭᠤᠮ ᠳᠠᠭ᠋ᠠᠤ ᠵᠡᠷᠭᠡ ᠭᠤᠤᠯᠳᠠᠯᠭ᠎ᠠ᠎ᠲᠠᠢ ᠤᠷᠤᠨ ᠪᠦᠰᠡ ᠵᠢ ᠰᠠᠢ᠌ᠲᠤᠷ ᠠᠳᠬᠤᠵᠤ᠂ ᠲᠠᠷᠢᠶᠠᠯᠠᠬᠤ ᠤᠷᠤᠨ᠂ ᠬᠠᠭ᠋ᠠᠰ ᠲᠠᠷᠢᠶᠠᠯᠠᠬᠤ ᠬᠠᠭ᠋ᠠᠰ ᠮᠠᠯᠵᠢᠬᠤ ᠤᠷᠤᠨ᠂ ᠮᠠᠯᠵᠢᠬᠤ ᠤᠷᠤᠨ ᠵᠡᠷᠭᠡ ᠠᠳᠠᠯᠢ ᠪᠤᠰᠤ ᠭᠠᠵᠠᠷ ᠤᠷᠤᠨ᠎ᠤ ᠤᠨᠴᠠᠯᠢᠭ᠎ᠢ ᠦᠨᠳᠦᠰᠦᠯᠡᠵᠤ᠂ 《ᠠᠷᠪᠠ ᠵᠢ ᠪᠦᠷᠢᠨ ᠪᠦᠷᠬᠦᠭᠦᠯᠬᠦ》 ᠢᠨᠵᠸᠨ᠋ᠸᠷᠢᠨᠭ᠎ᠢ ᠠᠳᠠᠯᠢ ᠪᠤᠰᠤ ᠬᠡᠯᠪᠡᠷᠢ ᠮᠠᠶᠢᠭ ᠵᠶ᠋ᠡᠷ ᠬᠡᠷᠡᠭᠵᠢᠬᠦᠯᠬᠦ ᠰᠡᠳᠬᠢᠴᠡ ᠠᠷᠭ᠎ᠠ ᠬᠡᠮᠵᠢᠶ᠎ᠡ ᠵᠢ ᠲᠤᠭᠳᠠᠭ᠋ᠠᠵᠦ᠂ ᠲᠤᠰ ᠲᠤᠰ᠎ᠤᠨ ᠤᠨᠴᠠᠯᠢᠭ᠎ᠲᠠᠢ᠂ ᠦᠪᠡᠷ ᠦᠪᠡᠷ᠎ᠤᠨ ᠭᠤᠤᠯᠳᠠᠯᠭ᠎ᠠ᠎ᠲᠠᠢ ᠲᠦᠯᠬᠢᠨ ᠠᠬᠢᠭᠤᠯᠬᠤ ᠬᠡᠯᠪᠡᠷᠢ ᠮᠠᠶᠢᠭ᠎ᠢ ᠰᠦᠪᠡᠭᠴᠢᠯᠡᠨ᠎ᠡ᠃ ᠬᠦᠮᠦᠨ ᠠᠮᠠ ᠨᠢᠭᠲᠠᠷᠠᠭᠰᠠᠨ ᠬᠠᠲᠤᠨ ᠭᠤᠤᠯ ᠳᠠᠭ᠋ᠠᠤ ᠲᠠᠷᠢᠶᠠᠯᠠᠬᠤ ᠤᠷᠤᠨ᠎ᠳᠤ᠂ ᠨᠤᠷᠠᠬᠤ ᠠᠶᠤᠯᠲᠠᠢ ᠭᠡᠷ ᠪᠠᠢ᠌ᠰᠢᠨᠭ᠌᠎ᠢ ᠵᠠᠰᠠᠬᠤ ᠪᠠ ᠵᠡᠭᠡᠯᠢ ᠭᠤᠳᠤᠮᠵᠢ ᠵᠢᠨ ᠵᠠᠮ᠎ᠢ ᠬᠠᠲᠠᠭᠤᠷᠠᠭᠤᠯᠬᠤ᠎ᠪᠠᠷ ᠭᠤᠤᠯᠳᠠᠯᠭ᠎ᠠ ᠪᠤᠯᠭ᠋ᠠᠨ᠂ ᠴᠢᠭ ᠨᠡᠢ᠌ᠳᠡᠮ᠎ᠢ ᠤᠶᠠᠯᠳᠤᠭᠤᠯᠵᠦ᠂ ᠲᠦᠭᠦᠷᠵᠢᠭᠦᠯᠬᠦ ᠵᠢ ᠬᠠᠮᠲᠤ᠎ᠳᠤᠨᠢ ᠠᠬᠢᠭᠤᠯᠵᠤ᠂ ᠶᠡᠬᠡ᠎ᠪᠠᠷ ᠨᠤᠷᠠᠭ᠋ᠠᠵᠤ᠂ ᠶᠡᠬᠡ᠎ᠪᠠᠷ ᠪᠠᠢ᠌ᠭᠤᠯᠬᠤ ᠦᠭᠡᠢ᠂ ᠶᠡᠬᠡ᠎ᠪᠠᠷ ᠳᠠᠭ᠋ᠠᠭ᠋ᠠᠴᠢᠯᠠᠵᠦ ᠶᠡᠬᠡ᠎ᠪᠠᠷ ᠳᠦᠷᠢᠶᠡᠰᠦᠯᠡᠬᠦ ᠦᠭᠡᠢ᠂ ᠦᠨᠭᠭᠡᠨ ᠲᠠᠯ᠎ᠠ ᠵᠢᠨ ᠠᠵᠢᠯ᠎ᠢ ᠬᠢᠬᠦ ᠦᠭᠡᠢ᠂ ᠳᠤᠤᠷ᠎ᠠ ᠬᠢᠷᠢ ᠲᠦᠪᠰᠢᠨ᠎ᠪᠠᠷ ᠳᠠᠬᠢᠨ ᠪᠦᠲᠦᠭᠡᠨ ᠪᠠᠢ᠌ᠭᠤᠯᠬᠤ ᠦᠭᠡᠢ ᠪᠠᠢ᠌ᠬᠤ ᠵᠢ ᠪᠠᠷᠢᠮᠲᠠᠯᠠᠵᠤ᠂ ᠶᠠᠭᠤ ᠳᠤᠲᠠᠪᠠᠯ ᠶᠠᠭᠤ ᠵᠢ ᠨᠦᠬᠦᠵᠤ᠂ ᠨᠢᠭᠡ ᠵᠢ ᠪᠠᠢ᠌ᠭᠤᠯᠪᠠᠯ ᠨᠢᠭᠡ ᠵᠢ ᠪᠦᠲᠦᠭᠡᠬᠦ ᠵᠢ ᠪᠠᠲᠤᠯᠠᠵᠤ᠂ ᠪᠦᠬᠦ ᠲᠤᠰᠬᠤᠨ ᠵᠶ᠋ᠡᠷ ᠵᠶ᠋ᠡᠨ《ᠠᠷᠪᠠ ᠵᠢ ᠪᠦᠷᠢᠨ ᠪᠦᠷᠬᠦᠭᠦᠯᠬᠦ》 ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ᠃ ᠲᠠᠷᠬᠠᠢ ᠪᠤᠲᠠᠷᠬᠠᠢ ᠰᠠᠭᠤᠷᠢᠰᠢᠵᠦ᠂ ᠲᠦᠪᠯᠡᠷᠡᠬᠦᠯᠬᠦ᠎ᠳᠤ ᠪᠡᠷᠭᠡ᠎ᠲᠠᠢ ᠪᠠᠢ᠌ᠭ᠎ᠠ ᠪᠠᠷᠠᠭᠤᠨ ᠬᠡᠰᠡᠭ᠎ᠤᠨ ᠮᠠᠯᠵᠢᠬᠤ ᠤᠷᠤᠨ᠎ᠳᠤ᠂ ᠤᠰᠤ ᠴᠠᠬᠢᠯᠭ᠋ᠠᠨ ᠵᠠᠮ ᠬᠡᠷ ᠵᠡᠷᠭᠡ ᠰᠠᠭᠤᠷᠢ ᠪᠡᠯᠡᠳᠭᠡᠮᠵᠢ ᠵᠢ ᠰᠠᠢ᠌ᠵᠢᠷᠠᠭᠤᠯᠬᠤ᠎ᠪᠠᠷ ᠭᠤᠤᠯᠳᠠᠯᠭ᠎ᠠ ᠪᠤᠯᠭ᠋ᠠᠵᠤ᠂ ᠦᠢ᠍ᠯᠡᠳᠪᠦᠷᠢᠯᠡᠯ ᠠᠮᠢᠳᠤᠷᠠᠯ᠎ᠤᠨ ᠨᠦᠬᠦᠴᠡᠯ᠎ᠢ ᠬᠦᠴᠦ ᠭᠠᠷᠭ᠋ᠠᠨ ᠰᠠᠢ᠌ᠵᠢᠷᠠᠭᠤᠯᠬᠤ ᠵᠢᠨ ᠬᠠᠮᠲᠤ᠂ ᠨᠦᠬᠦᠴᠡᠯ ᠵᠶ᠋ᠡᠷ ᠬᠠᠷᠢᠴᠠᠨᠭ᠌ᠭᠤᠢ ᠰᠠᠢ᠌ᠨ ᠪᠠᠢ᠌ᠬᠤ ᠭᠠᠵᠠᠷ᠎ᠢ ᠰᠤᠨᠭ᠌ᠭᠤᠨ᠂ ᠰᠤᠷᠭ᠋ᠠᠨ ᠬᠦᠮᠦᠵᠢᠯ᠂ ᠡᠮ ᠡᠮᠨᠡᠯᠭᠡ᠂ ᠰᠤᠶᠤᠯ ᠭᠡᠭᠡᠷᠡᠯ᠂ ᠰᠤᠫᠸᠷ ᠳᠡᠯᠭᠡᠬᠦᠷ ᠵᠡᠷᠭᠡ ᠪᠡᠯᠡᠳᠭᠡᠮᠵᠢ ᠵᠢ ᠲᠦᠪᠯᠡᠷᠡᠭᠦᠯᠦᠨ ᠪᠦᠲᠦᠭᠡᠨ ᠪᠠᠢ᠌ᠭᠤᠯᠵᠤ᠂ ᠮᠠᠯᠴᠢᠳ᠎ᠲᠤ ᠬᠦᠳᠡᠯᠦᠨᠭᠬᠦᠢ ᠪᠦᠭᠡᠳ ᠠᠷᠠᠳ᠎ᠲᠤ ᠳᠦᠭᠦᠮ ᠦᠵᠡᠭᠦᠯᠬᠦ ᠦᠢ᠍ᠯᠡᠴᠢᠯᠡᠭᠡᠨ᠎ᠤ ᠬᠡᠯᠪᠡᠷᠢ ᠵᠢ ᠬᠠᠨᠭ᠌ᠭ᠋ᠠᠵᠤ᠂ ᠤᠯᠠᠨ ᠨᠡᠢ᠌ᠲᠡ ᠵᠢᠨ ᠦᠨᠳᠤᠰᠤᠨ ᠦᠢ᠍ᠯᠡᠴᠢᠯᠡᠭᠡ ᠵᠢ ᠮᠠᠯᠵᠢᠬᠤ ᠤᠷᠤᠨ᠎ᠳᠤ ᠪᠦᠷᠭᠦᠬᠦᠯᠬᠦ ᠪᠠ ᠦᠷᠭᠦᠯᠵᠢᠯᠡᠭᠦᠯᠬᠦ ᠵᠢ ᠪᠡᠶᠡᠯᠡᠭᠦᠯᠦᠨ᠎ᠡ᠃
    [ᠵᠤᠴᠢᠨ   ᠭᠤᠤ ᠶᠤᠤ ᠸᠸᠢ]《ᠵᠢᠷᠭᠤᠭ᠎ᠠ ᠵᠢ ᠨᠢᠭᠡ ᠴᠤᠭᠴᠠᠵᠢᠭᠤᠯᠵᠤ᠂ ᠨᠢᠭᠡᠳᠦᠯᠲᠠᠢ ᠲᠦᠯᠬᠢᠨ ᠠᠬᠢᠭᠤᠯᠬᠤ》 ᠬᠡᠳᠡᠭ᠎ᠨᠢ᠂《ᠠᠷᠪᠠ ᠵᠢ ᠪᠦᠷᠢᠨ ᠪᠦᠷᠬᠦᠭᠦᠯᠬᠦ》 ᠢᠨᠵᠸᠨ᠋ᠸᠷᠢᠨᠭ᠎ᠢ ᠬᠡᠷᠡᠭᠵᠢᠬᠦᠯᠬᠦ ᠲᠤᠬᠢᠶᠠᠯ᠎ᠢ ᠵᠠᠪᠳᠤᠨ᠂ ᠲᠠᠷᠢᠶᠠᠯᠠᠬᠤ ᠮᠠᠯᠵᠢᠬᠤ ᠤᠷᠤᠨ᠎ᠤ ᠠᠵᠤ ᠠᠬᠤᠢ᠂ ᠨᠡᠢ᠌ᠭᠡᠮ᠎ᠤᠨ ᠦᠢ᠍ᠯᠡᠰ᠎ᠤᠨ ᠬᠦᠭᠵᠢᠯᠲᠡ ᠵᠢᠨ ᠬᠢᠷᠢ ᠲᠦᠪᠰᠢᠨ᠎ᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ ᠠᠷᠠᠳ ᠲᠦᠮᠡᠨ᠎ᠤ ᠦᠢ᠍ᠯᠡᠳᠪᠦᠷᠢᠯᠡᠯ᠂ ᠠᠮᠢᠳᠤᠷᠠᠯ᠎ᠤᠨ ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠤ᠂ ᠨᠡᠨᠭ ᠵᠢᠷᠭ᠋ᠠᠯᠲᠠᠢ᠂ ᠰᠠᠢ᠌ᠨ ᠰᠠᠢ᠌ᠬᠠᠨ ᠠᠮᠢᠳᠤᠷᠠᠯ᠎ᠢ ᠡᠳ᠋ᠯᠡᠭᠦᠯᠦᠨ᠎ᠡ᠃ ᠬᠤᠲᠠ ᠵᠢᠨ ᠨᠠᠮ᠎ᠤᠨ ᠬᠤᠷᠢᠶ᠎ᠠ ᠵᠢᠨ ᠭᠤᠷᠪᠠᠳᠤᠭ᠋ᠠᠷ ᠬᠤᠭᠤᠴᠠᠭ᠋ᠠᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠬᠡᠰᠢᠭᠦᠳ (ᠦᠷᠭᠡᠳᠭᠡᠭᠰᠡᠨ)᠎ᠤᠨ ᠬᠤᠷᠠᠯ ᠪᠠ ᠬᠤᠲᠠ ᠵᠢᠨ ᠨᠠᠮ᠎ᠤᠨ ᠬᠤᠷᠢᠶ᠎ᠠ ᠵᠢᠨ ᠬᠤᠲᠠ ᠪᠠᠯᠭ᠋ᠠᠰᠤᠴᠢᠯᠠᠯᠲᠠ ᠵᠢᠨ ᠠᠵᠢᠯ᠎ᠤᠨ ᠬᠤᠷᠠᠯ ᠳᠡᠭᠡᠷ᠎ᠡ᠂ ᠮᠠᠨ᠎ᠤ ᠬᠤᠳᠠ《ᠵᠢᠷᠭᠤᠭ᠎ᠠ ᠵᠢ ᠨᠢᠭᠡ ᠴᠤᠭᠴᠠᠵᠢᠭᠤᠯᠤᠨ》᠂《ᠠᠷᠪᠠ ᠵᠢ ᠪᠦᠷᠢᠨ ᠪᠦᠷᠬᠦᠭᠦᠯᠬᠦ》 ᠵᠢ ᠨᠢᠭᠡᠳᠤᠯᠲᠠᠢ ᠲᠦᠯᠬᠢᠨ ᠠᠬᠢᠭᠤᠯᠬᠤ ᠰᠡᠳᠬᠢᠴᠡ ᠵᠢ ᠳᠤᠷᠠᠳᠪᠠ᠃ ᠲᠤᠬᠠᠢ᠌ᠯᠠᠪᠠᠯ ᠪᠦᠬᠦ ᠲᠠᠯ᠎ᠠ᠎ᠠᠴᠠ ᠡᠭᠦᠰᠴᠤ᠂《ᠠᠷᠪᠠ ᠵᠢ ᠪᠦᠷᠢᠨ ᠪᠦᠷᠬᠦᠭᠦᠯᠬᠦ》 ᠵᠢ ᠤᠳᠤ ᠦᠶ᠎ᠡ ᠵᠢᠨ ᠲᠠᠷᠢᠶᠠᠯᠠᠩ ᠮᠠᠯ ᠠᠵᠦ ᠠᠬᠤᠢ᠂ ᠶᠠᠳᠠᠭᠤ ᠵᠢ ᠲᠡᠳᠬᠦᠬᠦ ᠰᠢᠪᠳᠤᠯᠤᠯᠳᠠ᠂ ᠨᠤᠲᠤᠭ ᠤᠷᠤᠨ᠎ᠤ ᠬᠡᠪ ᠰᠤᠷᠳᠠᠯ ᠪᠤᠯᠪᠠᠰᠤᠨ᠂ ᠰᠤᠶᠤᠯ ᠵᠢᠭᠤᠯᠴᠢᠯᠠᠯ᠂ ᠰᠢᠶᠠᠨᠭ᠌ ᠲᠤᠰᠬᠤᠨ᠎ᠤ ᠵᠠᠰᠠᠮᠠᠯ ᠵᠠᠮ ᠵᠡᠷᠭᠡ ᠢᠨᠵᠸᠨ᠋ᠸᠷᠢᠨᠭ᠎ᠤᠨ ᠪᠦᠲᠦᠭᠡᠨ ᠪᠠᠢ᠌ᠭᠤᠯᠤᠯᠲᠠ᠎ᠲᠠᠢ ᠤᠶᠠᠯᠳᠤᠭᠤᠯᠵᠤ᠂ ᠨᠢᠭᠡᠳᠦᠯᠲᠠᠢ ᠲᠦᠯᠬᠢᠨ ᠠᠬᠢᠭᠤᠯᠵᠤ᠂ ᠬᠠᠮᠲᠤ᠎ᠳᠤᠨᠢ ᠬᠡᠷᠡᠭᠵᠢᠭᠦᠯᠦᠨ᠂《ᠵᠢᠷᠭᠤᠭ᠎ᠠ ᠵᠢ ᠨᠢᠭᠡ ᠴᠤᠭᠴᠠᠵᠢᠭᠤᠯᠤᠨ》ᠪᠦᠬᠦ ᠲᠠᠯ᠎ᠠ᠎ᠪᠠᠷ ᠲᠦᠯᠬᠢᠨ ᠠᠬᠢᠭᠤᠯᠬᠤ ᠬᠡᠪ ᠪᠠᠢ᠌ᠳᠠᠯ᠎ᠢ ᠪᠤᠢ ᠪᠤᠯᠭ᠋ᠠᠵᠦ᠂《ᠠᠷᠪᠠ ᠵᠢ ᠪᠦᠷᠢᠨ ᠪᠦᠷᠬᠦᠭᠦᠯᠬᠦ》 ᠡᠭᠦᠷᠭᠡ ᠵᠢ ᠪᠠᠳᠤᠯᠠᠨ ᠪᠡᠶᠡᠯᠡᠭᠦᠯᠦᠭᠰᠡᠨ ᠦᠶ᠎ᠡ᠎ᠳᠤ᠂ ᠦᠢ᠍ᠯᠡᠳᠪᠦᠷᠢᠯᠡᠯ ᠬᠦᠭᠵᠢᠵᠤ᠂ ᠠᠮᠢ ᠠᠬᠤᠢ ᠰᠡᠷᠭᠦᠵᠦ᠂ ᠶᠠᠳᠠᠭᠤ ᠬᠦᠴᠢᠷᠳᠡᠯᠲᠠᠢ ᠬᠦᠮᠦᠨ ᠠᠮᠠ ᠶᠠᠳᠠᠭᠤ᠎ᠠᠴᠠ ᠠᠩᠭᠢᠵᠢᠷᠠᠵᠦ᠂ ᠲᠠᠷᠢᠶᠠᠴᠢᠨ ᠮᠠᠯᠴᠢᠨ᠎ᠤ ᠤᠷᠤᠯᠭ᠎ᠠ ᠨᠡᠮᠡᠭᠳᠡᠵᠤ᠂   ᠤᠯᠠᠨ ᠨᠡᠢ᠌ᠲᠡ ᠵᠢᠨ ᠦᠨᠳᠤᠰᠤᠨ ᠦᠢ᠍ᠯᠡᠴᠢᠯᠡᠭᠡ ᠦᠷᠨᠢᠵᠦ᠂ ᠲᠤᠰᠬᠤᠨ᠎ᠤ ᠳᠦᠷᠢ ᠳᠦᠷᠬᠦ ᠰᠠᠢ᠌ᠵᠢᠷᠠᠵᠤ᠂ ᠨᠤᠳᠤᠭ ᠤᠷᠤᠨ᠎ᠤ ᠬᠡᠪ ᠰᠤᠷᠲᠠᠯ ᠪᠤᠯᠪᠠᠰᠤᠨ ᠳᠡᠭᠡᠭᠰᠢᠯᠡᠵᠤ᠂ ᠦᠨᠳᠦᠰᠦᠨ ᠱᠠᠲᠤᠨ᠎ᠤ ᠰᠠᠭᠤᠷᠢ ᠪᠡᠬᠢᠵᠢᠵᠤ᠂ ᠲᠤᠰᠬᠤᠨ᠎ᠤ ᠬᠠᠮᠳᠤ ᠵᠢᠨ ᠠᠵᠤ ᠠᠬᠤᠢ ᠪᠤᠵᠠᠭ᠋ᠠᠢ᠌ᠷᠠᠭᠰᠠᠨ ᠶᠡᠷᠦᠨᠭᠬᠡᠢ᠌ᠯᠡᠭᠰᠡᠨ ᠦᠷ᠎ᠡ ᠪᠦᠲᠦᠮᠵᠢ ᠵᠢ ᠬᠠᠮᠲᠤ᠎ᠳᠤᠨᠢ ᠲᠡᠮᠡᠴᠡᠨ ᠤᠯᠤᠨ᠎ᠠ᠃《ᠠᠷᠪᠠ ᠵᠢ ᠪᠦᠷᠢᠨ ᠪᠦᠷᠬᠦᠭᠦᠯᠬᠦ》 ᠢᠨᠵᠸᠨ᠋ᠸᠷᠢᠨᠭ᠎ᠢ ᠲᠦᠯᠬᠢᠨ ᠠᠬᠢᠭᠤᠯᠬᠤ ᠵᠢ ᠤᠳᠤ ᠦᠶ᠎ᠡ ᠵᠢᠨ ᠲᠠᠷᠢᠶᠠᠯᠠᠩ ᠮᠠᠯ ᠠᠵᠦ ᠠᠬᠤᠢ ᠵᠢ ᠬᠦᠭᠵᠢᠬᠦᠯᠬᠦ᠎ᠲᠠᠢ ᠤᠶᠠᠯᠳᠤᠭᠤᠯᠵᠦ᠂ ᠲᠤᠬᠠᠢ᠌ᠯᠠᠪᠠᠯ ᠠᠵᠦ ᠦᠢ᠍ᠯᠡᠰ ᠵᠶ᠋ᠡᠷ ᠲᠤᠯᠭ᠋ᠠᠭᠤᠷᠢᠯᠠᠬᠤ ᠵᠢ ᠤᠯᠠᠮ ᠨᠢᠭᠡ ᠠᠯᠬᠤᠮ ᠴᠢᠨᠭ᠌ᠭ᠋ᠠᠳᠬᠠᠵᠤ᠂ ᠬᠠᠲᠤᠨ ᠭᠤᠤᠯ ᠳᠠᠭ᠋ᠠᠤ᠂ ᠲᠤᠭᠲᠠᠪᠤᠷᠢ ᠦᠭᠡᠢ ᠭᠤᠤᠯ ᠳᠠᠭ᠋ᠠᠤ ᠵᠢᠨ ᠤᠳᠤ ᠦᠶ᠎ᠡ ᠵᠢᠨ ᠲᠠᠷᠢᠶᠠᠯᠠᠩ ᠮᠠᠯ ᠠᠵᠦ ᠠᠬᠤᠢ ᠵᠢᠨ ᠠᠵᠤ ᠠᠬᠤᠢ ᠵᠢᠨ ᠪᠦᠰᠡ ᠪᠠ ᠤᠳᠤ ᠦᠶ᠎ᠡ ᠵᠢᠨ ᠬᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠢ ᠵᠢᠨ ᠠᠵᠦ ᠦᠢ᠍ᠯᠡᠰ᠎ᠤᠨ ᠬᠦᠭᠵᠢᠯᠲᠡ ᠵᠢᠨ ᠪᠦᠰᠡ ᠵᠢᠨ ᠪᠦᠲᠦᠭᠡᠨ ᠪᠠᠢ᠌ᠭᠤᠯᠤᠯᠲᠠ ᠵᠢ ᠰᠠᠢ᠌ᠳᠤᠷ ᠲᠦᠯᠬᠢᠨ ᠠᠬᠢᠭᠤᠯᠵᠤ᠂ ᠲᠠᠷᠢᠶᠠᠴᠢᠨ ᠮᠠᠯᠴᠢᠨ᠎ᠤ ᠤᠷᠤᠯᠭ᠎ᠠ ᠵᠢ ᠲᠤᠭᠳᠠᠭᠤᠨ ᠵᠶ᠋ᠡᠷ ᠨᠡᠮᠡᠭᠳᠡᠭᠦᠯᠬᠦ ᠠᠵᠦ ᠦᠢ᠍ᠯᠠᠰ᠎ᠤᠨ ᠰᠠᠭᠤᠷᠢ ᠵᠢ ᠪᠠᠲᠤᠳᠬᠠᠨ᠎ᠠ᠃《ᠠᠷᠪᠠ ᠵᠢ ᠪᠦᠷᠢᠨ ᠪᠦᠷᠬᠦᠭᠦᠯᠬᠦ》 ᠢᠨᠵᠸᠨ᠋ᠸᠷᠢᠨᠭ᠎ᠢ ᠠᠬᠢᠭᠤᠯᠬᠤ ᠵᠢ ᠶᠠᠳᠠᠭᠤ ᠵᠢ ᠲᠡᠳᠭᠦᠬᠦ᠎ᠲᠠᠢ ᠤᠶᠠᠯᠳᠤᠭᠤᠯᠵᠦ᠂ ᠲᠤᠬᠠᠢ᠌ᠯᠠᠪᠠᠯ ᠶᠠᠳᠠᠭᠤ ᠬᠦᠴᠢᠷᠳᠡᠯᠲᠠᠢ ᠬᠦᠮᠦᠨ ᠠᠮᠠ ᠵᠢᠨ ᠦᠢ᠍ᠯᠡᠳᠪᠦᠷᠢᠯᠡᠯ ᠠᠮᠢᠳᠤᠷᠠᠯ᠎ᠤᠨ ᠨᠦᠬᠦᠴᠡᠯ᠎ᠢ ᠰᠠᠢ᠌ᠵᠢᠷᠠᠭᠤᠯᠬᠤ ᠵᠢᠨ ᠬᠠᠮᠲᠤ᠂ ᠶᠠᠳᠠᠭᠤ ᠬᠦᠴᠢᠷᠳᠡᠯᠲᠠᠢ ᠭᠠᠵᠠᠷ ᠤᠷᠤᠨ᠎ᠤ ᠦᠪᠡᠷᠲᠡᠭᠡᠨ ᠬᠦᠭᠵᠢᠬᠦ ᠴᠢᠳᠠᠪᠤᠷᠢ ᠵᠢ ᠨᠡᠮᠡᠭᠳᠡᠬᠦᠯᠵᠦ᠂ ᠶᠠᠳᠠᠭᠤ ᠬᠦᠴᠢᠷᠳᠡᠯᠲᠠᠢ ᠬᠦᠮᠦᠨ ᠠᠮᠠ ᠵᠢᠨ ᠤᠷᠤᠯᠭ᠎ᠠ ᠵᠢ ᠨᠡᠮᠡᠭᠳᠡᠭᠦᠯᠵᠤ᠂ ᠶᠠᠳᠠᠭᠤ ᠬᠦᠴᠢᠷᠳᠡᠯᠲᠠᠢ ᠲᠠᠷᠢᠶᠠᠴᠢᠨ ᠮᠠᠯᠴᠢᠨ᠎ᠢ ᠡᠷᠳᠡᠬᠡᠨ ᠶᠠᠳᠠᠭᠤ᠎ᠠᠴᠠ ᠠᠩᠭᠢᠵᠢᠷᠠᠭᠤᠯᠤᠨ ᠪᠠᠶᠠᠵᠢᠭᠤᠯᠬᠤ ᠵᠢ ᠲᠦᠯᠬᠢᠨ ᠠᠬᠢᠭᠤᠯᠤᠨ᠎ᠠ᠃《ᠠᠷᠪᠠ ᠵᠢ ᠪᠦᠷᠢᠨ ᠪᠦᠷᠬᠦᠭᠦᠯᠬᠦ》ᠢᠨᠵᠸᠨ᠋ᠸᠷᠢᠨᠭ᠎ᠢ ᠠᠬᠢᠭᠤᠯᠬᠤ ᠵᠢ ᠨᠤᠳᠤᠭ ᠤᠷᠤᠨ᠎ᠤ ᠬᠡᠪ ᠰᠤᠷᠲᠠᠯ ᠪᠤᠯᠪᠠᠰᠤᠨ᠎ᠤ ᠶᠡᠭᠡ ᠠᠵᠢᠯᠯᠠᠭ᠎ᠠ᠎ᠲᠠᠢ ᠤᠶᠠᠯᠳᠤᠭᠤᠯᠵᠦ᠂ ᠲᠤᠬᠠᠢ᠌ᠯᠠᠪᠠᠯ ᠤᠷᠴᠢᠨ ᠲᠤᠭᠤᠷᠢᠨ᠎ᠤ ᠪᠤᠵᠠᠷ ᠡᠮᠬᠢ ᠲᠢᠭᠯᠢᠮ ᠦᠭᠡᠢ ᠮᠠᠭᠤ ᠪᠠᠢ᠌ᠬᠤ ᠵᠡᠷᠭᠡ ᠠᠰᠠᠭᠤᠳᠠᠯ᠎ᠢ ᠬᠦᠴᠦ ᠤᠷᠤᠭᠤᠯᠤᠨ ᠰᠢᠢ᠍ᠳᠪᠦᠷᠢᠯᠡᠵᠤ᠂ ᠲᠠᠷᠢᠶᠠᠯᠠᠬᠤ ᠮᠠᠯᠵᠢᠬᠤ ᠤᠷᠤᠨ᠎ᠢ   ᠭᠠᠵᠠᠷ ᠨᠤᠲᠤᠭ᠎ᠨᠢ ᠭᠤᠶᠤ᠂ ᠠᠢ᠌ᠯ ᠲᠤᠰᠬᠤᠨ᠎ᠨᠢ ᠭᠤᠶᠤ᠂   ᠭᠡᠷ ᠬᠦᠷᠢᠶ᠎ᠠ᠎ᠨᠢ ᠭᠤᠶᠤ᠂ ᠠᠮᠢᠳᠤᠷᠠᠯ᠎ᠨᠢ ᠭᠤᠶᠤ ᠪᠠᠢ᠌ᠬᠤ ᠦᠵᠡᠰᠭᠦᠯᠡᠩ ᠰᠠᠢ᠌ᠬᠠᠨ ᠭᠡᠷ ᠤᠷᠤᠨ   ᠪᠠ ᠪᠤᠯᠪᠠᠰᠤᠨ ᠭᠡᠷ ᠤᠷᠤᠨ ᠪᠤᠯᠭ᠋ᠠᠨ ᠪᠦᠲᠦᠭᠡᠨ ᠪᠠᠢ᠌ᠭᠤᠯᠤᠨ᠎ᠠ᠃《ᠠᠷᠪᠠ ᠵᠢ ᠪᠦᠷᠢᠨ ᠪᠦᠷᠬᠦᠭᠦᠯᠬᠦ》 ᠢᠨᠵᠸᠨ᠋ᠸᠷᠢᠨᠭ᠎ᠢ ᠠᠬᠢᠭᠤᠯᠬᠤ ᠵᠢ ᠰᠤᠶᠤᠯ ᠵᠢᠭᠤᠯᠴᠢᠯᠠᠯ᠎ᠤᠨ ᠦᠢ᠍ᠯᠡᠰ᠎ᠤᠨ ᠬᠦᠭᠵᠢᠯᠲᠡ᠎ᠲᠠᠢ ᠤᠶᠠᠯᠳᠤᠭᠤᠯᠵᠦ᠂   ᠲᠤᠬᠠᠢ᠌ᠯᠠᠪᠠᠯ ᠤᠷᠤᠨ ᠨᠤᠲᠤᠭ᠎ᠤᠨ ᠤᠨᠴᠠᠯᠢᠭ᠎ᠲᠠᠢ᠂ ᠦᠨᠳᠦᠰᠦᠲᠡᠨ᠎ᠤ ᠤᠨᠴᠠᠯᠢᠭ᠎ᠲᠠᠢ᠂ ᠰᠤᠶᠤᠯ᠎ᠤᠨ ᠤᠨᠴᠠᠯᠢᠭ᠎ᠲᠠᠢ᠂ ᠠᠵᠦ ᠦᠢ᠍ᠯᠡᠰ᠎ᠤᠨ ᠤᠨᠴᠠᠯᠢᠭ᠎ᠲᠠᠢ ᠭᠠᠴᠠᠭ᠎ᠠ ᠲᠤᠰᠬᠤᠨ᠎ᠢ ᠪᠦᠲᠦᠭᠡᠨ ᠪᠠᠢ᠌ᠭᠤᠯᠵᠤ᠂ ᠤᠨᠴᠠᠭ᠋ᠠᠢ᠌ᠯᠠᠨ ᠬᠠᠳᠤᠨ ᠭᠤᠤᠯ ᠳᠠᠭ᠋ᠠᠤ ᠰᠤᠶᠤᠯ ᠵᠢᠭᠤᠯᠴᠢᠯᠠᠯ᠎ᠤᠨ ᠠᠵᠦ ᠦᠢ᠍ᠯᠠᠰ᠎ᠤᠨ ᠪᠦᠰᠡ ᠵᠢ ᠰᠤᠶᠤᠯ ᠵᠢᠭᠤᠯᠴᠢᠯᠠᠯ᠎ᠤᠨ ᠦᠢ᠍ᠯᠡᠰ᠎ᠤᠨ ᠬᠦᠭᠵᠢᠯᠲᠡ᠎ᠪᠠᠷ ᠰᠢᠨ᠎ᠡ ᠲᠠᠷᠢᠶᠠᠯᠠᠬᠤ ᠮᠠᠯᠵᠢᠬᠤ ᠤᠷᠤᠨ᠎ᠢ ᠪᠦᠲᠦᠭᠡᠨ ᠪᠠᠢ᠌ᠭᠤᠯᠬᠤ ᠪᠠ ᠲᠠᠷᠢᠶᠠᠴᠢᠨ ᠮᠠᠯᠴᠢᠨ᠎ᠤ ᠤᠷᠤᠯᠭ᠎ᠠ ᠵᠢ ᠨᠡᠮᠡᠭᠳᠡᠭᠦᠯᠬᠦ ᠵᠢ ᠳᠠᠢ᠌ᠴᠢᠯᠠᠨ᠎ᠠ᠃《ᠠᠷᠪᠠ ᠵᠢ ᠪᠦᠷᠢᠨ ᠪᠦᠷᠬᠦᠭᠦᠯᠬᠦ》ᠢᠨᠵᠸᠨ᠋ᠸᠷᠢᠨᠭ᠎ᠢ ᠠᠬᠢᠭᠤᠯᠬᠤ ᠵᠢ ᠬᠦᠳᠡᠭᠡ ᠲᠤᠰᠬᠤᠨ᠎ᠤ ᠵᠠᠰᠠᠮᠠᠯ ᠵᠠᠮ᠎ᠢ ᠪᠦᠲᠦᠭᠡᠨ ᠪᠠᠢ᠌ᠭᠤᠯᠬᠤ᠎ᠲᠠᠢ   ᠤᠶᠠᠯᠳᠤᠭᠤᠯᠵᠦ᠂ ᠲᠤᠬᠠᠢ᠌ᠯᠠᠪᠠᠯ ᠭᠠᠴᠠᠭ᠎ᠠ ᠲᠤᠰᠬᠤᠨ᠎ᠤ ᠵᠡᠭᠡᠯᠢ ᠭᠤᠳᠤᠮᠵᠢ ᠵᠢ ᠬᠠᠲᠠᠭᠤᠷᠠᠭᠤᠯᠬᠤ ᠢᠨᠵᠸᠨ᠋ᠸᠷᠢᠨᠭ᠎ᠢ ᠶᠡᠬᠡ  ᠎ᠪᠠᠷ ᠰᠠᠢ᠌ᠲᠤᠷ ᠬᠡᠷᠡᠭᠵᠢᠬᠦᠯᠬᠦ ᠮᠦᠷᠲᠡᠭᠡᠨ ᠪᠠᠰᠠ ᠬᠦᠳᠡᠭᠡ ᠲᠤᠰᠬᠤᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠭᠠᠴᠠᠭ᠎ᠠ ᠲᠤᠰᠬᠤᠨ᠎ᠤ ᠵᠡᠭᠡᠯᠢ ᠭᠤᠳᠤᠮᠵᠢ ᠵᠢ ᠭᠠᠴᠠᠭ᠋ᠠᠨ᠎ᠳᠤ ᠨᠡᠪᠳᠡᠷᠡᠭᠰᠡᠨ ᠴᠠᠷᠳᠠᠮᠠᠯ ᠵᠠᠮ᠎ᠲᠠᠢ ᠵᠠᠯᠭ᠋ᠠᠯᠳᠤᠭᠤᠯᠬᠤ ᠵᠢ ᠪᠡᠶᠡᠯᠡᠭᠦᠯᠵᠤ᠂ ᠵᠠᠰᠠᠮᠠᠯ ᠵᠠᠮ᠎ᠢ ᠦᠨᠡᠨᠬᠦ ᠠᠷᠠᠳ ᠲᠦᠮᠡᠨ᠎ᠤ ᠡᠭᠦᠳᠡᠨ ᠡᠮᠦᠨ᠎ᠡ ᠲᠤᠯᠳᠠᠯ᠎ᠠ ᠵᠠᠰᠠᠵᠤ ᠦᠭᠴᠦ᠂ ᠲᠠᠷᠢᠶᠠᠴᠢᠨ ᠮᠠᠯᠴᠢᠨ ᠲᠦᠮᠡᠨ᠎ᠤ ᠦᠢ᠍ᠯᠡᠳᠪᠦᠷᠢᠯᠡᠯ ᠪᠠ ᠭᠠᠳᠠᠭᠰᠢ ᠭᠠᠷᠬᠤ ᠱᠠᠭ᠋ᠠᠷᠳᠠᠯᠭ᠎ᠠ ᠵᠢ ᠬᠠᠨᠭ᠌ᠭ᠋ᠠᠨ᠎ᠠ᠃
    [ᠵᠤᠴᠢᠨ   ᠭᠤᠤ ᠶᠤᠤ ᠸᠸᠢ]《ᠠᠷᠠᠳ ᠲᠦᠮᠡᠨ᠎ᠳᠤ ᠲᠦᠰᠢᠭᠯᠡᠵᠦ᠂ ᠴᠤᠭ ᠵᠶ᠋ᠡᠷ ᠠᠳᠬᠤᠵᠦ ᠬᠠᠮᠳᠤ᠎ᠪᠠᠷ ᠪᠦᠲᠦᠬᠡᠨ ᠪᠠᠢ᠌ᠭᠤᠯᠬᠤ》ᠭᠡᠳᠡᠭ᠎ᠨᠢ᠂ ᠠᠵᠢᠯ ᠵᠶ᠋ᠠᠨ ᠲᠦᠯᠬᠢᠨ ᠠᠬᠢᠭᠤᠯᠬᠤ ᠳᠤᠮᠳᠠ ᠵᠠᠰᠠᠭ᠎ᠤᠨ ᠤᠷᠳᠤᠨ ᠪᠠ ᠠᠷᠠᠳ ᠲᠦᠮᠡᠨ᠎ᠤ ᠬᠤᠭᠤᠷᠤᠨᠳᠠᠬᠢ ᠬᠠᠷᠢᠴᠠᠭ᠎ᠠ ᠵᠢ ᠲᠤᠬᠢᠲᠠᠢ ᠰᠢᠢ᠍ᠳᠪᠦᠷᠢᠯᠡᠵᠤ᠂ ᠠᠷᠠᠳ ᠲᠦᠮᠡᠨ᠎ᠢ ᠡᠭᠦᠨ᠎ᠳᠤ ᠢᠳᠡᠪᠬᠢᠲᠠᠢ ᠤᠷᠤᠯᠴᠠᠭᠤᠯᠤᠨ᠎ᠠ᠃《ᠠᠷᠪᠠ ᠵᠢ ᠪᠦᠷᠢᠨ ᠪᠦᠷᠬᠦᠭᠦᠯᠬᠦ》 ᠢᠨᠵᠸᠨ᠋ᠸᠷᠢᠨᠭ᠎ᠢ ᠠᠷᠠᠳ ᠲᠦᠮᠡᠨ᠎ᠤ ᠳᠠᠭ᠋ᠠᠰᠢᠶᠠᠯ᠎ᠳᠤ ᠨᠡᠢ᠌ᠴᠡᠭᠰᠡᠨ ᠢᠨᠵᠸᠨ᠋ᠸᠷᠢᠨᠭ ᠪᠤᠯᠭ᠋ᠠᠬᠤ ᠵᠢᠨ ᠲᠤᠯᠠᠳᠠ᠂ ᠠᠵᠢᠯ᠎ᠤᠨ ᠳᠤᠮᠳᠠ᠎ᠪᠠᠨ ᠪᠢᠳᠡ《ᠵᠠᠰᠠᠭ᠎ᠤᠨ ᠤᠷᠳᠤᠨ ᠤᠳᠤᠷᠢᠳᠴᠤ᠂ ᠠᠷᠠᠳ ᠲᠦᠮᠡᠨ᠎ᠢ ᠭᠤᠤᠯ ᠴᠤᠭᠴᠠ ᠪᠤᠯᠭ᠋ᠠᠬᠤ》 ᠵᠠᠷᠴᠢᠮ᠎ᠢ ᠪᠠᠷᠢᠮᠳᠠᠯᠠᠪᠠ᠃ ᠵᠠᠰᠠᠭ᠎ᠤᠨ ᠤᠷᠳᠤᠨ ᠤᠳᠤᠷᠢᠳᠬᠤ ᠬᠡᠳᠡᠭ᠎ᠨᠢ ᠲᠠᠷᠤᠢ ᠬᠤᠲᠠ᠂ ᠬᠤᠰᠢᠭᠤ᠂ ᠰᠢᠶᠠᠨᠭ᠌᠂ ᠲᠤᠰᠬᠤᠨ᠎ᠤ ᠰᠠᠯᠠᠭ᠎ᠠ ᠮᠦᠴᠢᠷ᠎ᠤᠨ ᠡᠷᠬᠡ ᠴᠢᠳᠡᠪᠤᠷᠢ ᠵᠢ ᠬᠦᠢ᠍ᠴᠡᠳ ᠪᠠᠳᠠᠷᠠᠭᠤᠯᠵᠤ᠂ ᠨᠢᠭᠡᠳᠤᠯᠲᠠᠢ ᠵᠤᠬᠢᠴᠠᠭᠤᠯᠬᠤ᠂ ᠰᠢᠮᠳᠠᠭᠤᠯᠤᠨ ᠠᠬᠢᠭᠤᠯᠬᠤ᠂ ᠠᠵᠢᠯ ᠲᠦᠷᠦᠯ ᠵᠶ᠋ᠠᠷ ᠵᠢᠯᠤᠭᠤᠳᠬᠤ᠂ ᠵᠤᠬᠢᠶᠠᠨ ᠪᠠᠢ᠌ᠭᠤᠯᠤᠨ ᠨᠠᠢ᠌ᠳᠠᠪᠤᠷᠢᠵᠢᠭᠤᠯᠬᠤ᠂ ᠡᠭᠦᠷᠭᠡ ᠵᠢ ᠢᠯᠭ᠋ᠠᠨ ᠰᠠᠯᠭ᠋ᠠᠬᠤ᠂ ᠪᠠᠷᠢᠯᠭ᠎ᠠ ᠵᠢ ᠵᠢᠷᠤᠵᠦ ᠲᠦᠯᠦᠪᠯᠡᠬᠦ᠂ ᠠᠷᠠᠳ ᠲᠦᠮᠡᠨ᠎ᠲᠠᠢ ᠬᠠᠷᠢᠴᠠᠬᠤ᠂ ᠵᠦᠷᠢᠴᠡᠯ᠎ᠢ ᠪᠠᠢ᠌ᠴᠠᠭ᠋ᠠᠨ ᠰᠢᠢ᠍ᠳᠪᠤᠷᠢᠯᠡᠬᠦ ᠵᠡᠷᠭᠡ ᠲᠠᠯ᠎ᠠ᠎ᠪᠠᠷ ᠭᠤᠤᠯᠯᠠᠬᠤ ᠦᠢ᠍ᠯᠡᠳᠦᠯ᠎ᠢ᠎ᠨᠢ ᠲᠤᠰ ᠲᠤᠰ ᠬᠦᠢ᠍ᠴᠡᠳ ᠪᠠᠳᠠᠷᠠᠭᠤᠯᠪᠠ᠃ ᠠᠷᠠᠳ ᠲᠦᠮᠡᠨ  ᠎ᠢ   ᠭᠤᠤᠯ ᠴᠤᠭᠴᠠ ᠪᠤᠯᠭ᠋ᠠᠬᠤ ᠭᠡᠳᠡᠭ᠎ᠨᠢ   ᠳᠠᠷᠤᠢ ᠠᠷᠠᠳ ᠲᠦᠮᠡᠨ᠎ᠤ ᠳᠠᠭ᠋ᠠᠰᠢᠶᠠᠯ᠎ᠳᠤ ᠬᠦᠷᠬᠦ ᠡᠰᠡᠬᠦ᠎ᠪᠠᠷ ᠦᠨᠳᠦᠰᠦᠨ ᠪᠠᠷᠢᠮᠵᠢᠶ᠎ᠠ ᠪᠤᠯᠭ᠋ᠠᠵᠤ᠂ ᠲᠠᠷᠢᠶᠠᠴᠢᠨ ᠮᠠᠯᠴᠢᠨ᠎ᠤ ᠦᠨᠡᠨ ᠪᠤᠳᠤᠯ ᠰᠠᠨᠠᠯ᠎ᠢ ᠪᠦᠬᠦ ᠲᠠᠯ᠎ᠠ᠎ᠪᠠᠷ ᠤᠢ᠌ᠯᠠᠭ᠋ᠠᠨ᠂ ᠳᠡᠭᠡᠲᠦ ᠬᠡᠮᠵᠢᠶ᠎ᠡ᠎ᠪᠠᠷ ᠬᠦᠨᠳᠤᠳᠭᠡᠵᠦ᠂ ᠠᠷᠠᠳ ᠲᠦᠮᠡᠨ᠎ᠢ ᠵᠢᠯᠤᠭᠤᠳᠤᠨ ᠰᠠᠢ᠌ᠨ ᠲᠤᠷ᠎ᠠ᠎ᠠᠴᠠ᠎ᠪᠠᠨ ᠤᠷᠤᠯᠴᠠᠬᠤ᠂ ᠪᠡᠶ᠎ᠡ᠎ᠪᠠᠨ ᠳᠠᠭ᠋ᠠᠭ᠋ᠠᠨ ᠤᠷᠤᠭᠤᠯᠤᠯᠳᠠ ᠬᠢᠬᠦ᠂ ᠦᠪᠡᠷ᠎ᠤᠨ ᠪᠡᠶ᠎ᠡ᠎ᠪᠠᠨ ᠬᠠᠮᠢᠶᠠᠷᠬᠤ ᠪᠤᠯᠭ᠋ᠠᠪᠠ᠃ ᠰᠤᠨᠢᠨ ᠰᠡᠳᠭᠦᠯ᠎ᠳᠤ ᠲᠤᠰᠬᠠᠢ ᠮᠡᠳᠡᠭᠡᠯᠡᠬᠦ᠎ᠪᠠᠷ ᠳᠠᠮᠵᠢᠭᠤᠯᠤᠨ᠂ ᠬᠤᠲᠠ ᠵᠢᠨ ᠱᠠᠲᠤᠨ᠎ᠤ ᠷᠠᠳᠢᠤ᠋᠂ ᠲᠸᠯᠸᠢᠰ᠂ ᠰᠤᠨᠢᠨ ᠰᠡᠳᠭᠦᠯ᠎ᠳᠤ ᠲᠤᠰᠬᠠᠢ ᠪᠤᠯᠤᠨᠭ᠌ ᠭᠠᠷᠭ᠋ᠠᠵᠤ᠂   ᠭᠠᠴᠠᠭ᠎ᠠ ᠲᠤᠰᠬᠤᠨ ᠡᠷᠦᠭᠡ ᠪᠦᠷᠢ᠎ᠳᠤ ᠤᠬᠠᠭᠤᠯᠵᠦ᠂ ᠰᠠᠨᠠᠯ ᠬᠤᠷᠢᠶᠠᠵᠤ᠂ ᠭᠠᠴᠠᠭ᠎ᠠ ᠲᠤᠰᠬᠤᠨ᠎ᠤ《ᠬᠤᠶᠠᠷ ᠵᠦᠪᠯᠡᠯ》᠎ᠤᠨ ᠪᠠᠭ᠎ᠤᠨ ᠬᠤᠷᠠᠯ᠂   ᠭᠠᠴᠠᠭ᠎ᠠ ᠲᠤᠰᠬᠤᠨ᠎ᠤ ᠠᠷᠠᠳ᠎ᠤᠨ ᠲᠦᠯᠦᠭᠡᠯᠡᠭᠴᠢᠳ᠎ᠤᠨ ᠬᠤᠷᠠᠯ᠂ ᠪᠦᠬᠦ   ᠭᠠᠴᠠᠭ᠎ᠠ ᠲᠤᠰᠬᠤᠨ᠎ᠤ ᠬᠡᠰᠢᠭᠦᠳ᠎ᠤᠨ ᠳᠠᠢ᠌ᠴᠢᠯᠠᠯᠲᠠ ᠵᠢᠨ ᠬᠤᠷᠠᠯ ᠵᠡᠷᠭᠡ ᠬᠤᠷᠠᠯ ᠬᠢᠵᠦ᠂ ᠤᠬᠠᠭᠤᠯᠤᠨ ᠵᠢᠯᠤᠭᠤᠳᠬᠤ ᠵᠢ ᠨᠢᠭᠤᠷᠳᠠᠨ ᠰᠠᠨᠠᠯ ᠬᠤᠷᠢᠶᠠᠬᠤ ᠎ᠲᠠᠢ ᠤᠶᠠᠯᠳᠤᠭᠤᠯᠤᠨ᠂ ᠵᠠᠰᠠᠭ᠎ᠤᠨ ᠤᠷᠳᠤᠨ ᠵᠢᠯᠤᠭᠤᠳᠴᠤ᠂ ᠠᠷᠠᠳ ᠲᠦᠮᠡᠨ ᠤᠷᠤᠯᠴᠠᠵᠤ᠂ ᠨᠡᠢ᠌ᠭᠡᠮ ᠨᠡᠢ᠌ᠳᠡ ᠠᠨᠭ᠌ᠬᠠᠷᠤᠯ᠎ᠳᠤ᠎ᠪᠠᠨ ᠠᠪᠤᠭᠰᠠᠨ ᠰᠠᠢ᠌ᠨ ᠰᠠᠢ᠌ᠬᠠᠨ   ᠶᠠᠷᠢᠶ᠎ᠠ ᠬᠡᠯᠡᠯᠴᠡᠭᠡᠨ᠎ᠤ ᠤᠷᠴᠢᠨ ᠲᠤᠭᠤᠷᠢᠨ᠎ᠢ ᠪᠤᠢ ᠪᠤᠯᠭ᠋ᠠᠪᠠ᠃ ᠪᠤᠳᠠᠲᠠᠢ ᠬᠡᠷᠡᠭᠵᠢᠭᠦᠯᠬᠦ ᠶᠠᠪᠤᠴᠠ ᠳᠤᠮᠳᠠ᠂ ᠲᠦᠯᠦᠪᠵᠢᠭᠦᠯᠭᠡ ᠵᠢᠨ   ᠵᠢᠷᠤᠭ ᠲᠦᠯᠦᠪᠯᠡᠬᠡ ᠵᠢ ᠤᠯᠠᠨ ᠲᠦᠮᠡᠨ ᠵᠶ᠋ᠡᠷ ᠶᠠᠷᠢᠯᠴᠠᠭᠤᠯᠬᠤ᠂ ᠪᠠᠷᠢᠯᠭ᠎ᠠ ᠵᠢᠨ ᠠᠵᠤ ᠠᠬᠤᠢ᠌ᠯᠠᠯ᠎ᠢ ᠠᠷᠠᠳ ᠤᠯᠠᠨ ᠡᠷᠢᠬᠦ᠂ ᠪᠡᠯᠡ ᠬᠤᠷᠠᠮᠳᠠᠭᠤᠯᠬᠤ ᠪᠠᠷᠢᠮᠵᠢᠶ᠎ᠠ ᠵᠢ ᠠᠷᠠᠳ ᠤᠯᠠᠨ ᠲᠤᠭᠲᠠᠭ᠋ᠠᠬᠤ ᠵᠢ ᠪᠠᠷᠢᠮᠲᠠᠯᠠᠵᠤ᠂ ᠲᠠᠷᠢᠶᠠᠴᠢᠨ ᠮᠠᠯᠴᠢᠨ᠎ᠢ ᠵᠢᠯᠤᠭᠤᠳᠤᠨ ᠰᠠᠢ᠌ᠨ ᠲᠤᠷ᠎ᠠ᠎ᠠᠴᠠ᠎ᠪᠠᠨ ᠤᠷᠤᠯᠴᠠᠬᠤ᠂ ᠪᠡᠶ᠎ᠡ᠎ᠪᠠᠨ ᠳᠠᠭ᠋ᠠᠭ᠋ᠠᠨ ᠤᠷᠤᠭᠤᠯᠤᠯᠳᠠ ᠬᠢᠬᠦ᠂ ᠦᠪᠡᠷ᠎ᠤᠨ ᠪᠡᠶ᠎ᠡ᠎ᠪᠠᠨ ᠬᠠᠮᠢᠶᠠᠷᠬᠤ ᠪᠤᠯᠭ᠋ᠠᠵᠦ᠂ ᠴᠢᠮ᠎ᠠ᠎ᠪᠠᠷ ᠬᠢᠯᠭᠡᠬᠦ ᠬᠡᠰᠡᠨ᠎ᠢ ᠪᠢ ᠦᠪᠡᠷ ᠵᠶ᠋ᠡᠨ ᠬᠢᠬᠦ᠂ ᠰᠠᠨᠠᠭ᠋ᠠᠴᠢᠯᠠᠭ᠎ᠠ ᠦᠭᠡᠢ ᠬᠡᠷᠡᠭᠵᠢᠭᠦᠯᠵᠦ ᠪᠠᠢ᠌ᠭᠰᠠᠨ᠎ᠢ ᠰᠠᠨᠠᠭ᠋ᠠᠴᠢᠯᠠᠭ᠎ᠠ᠎ᠠᠴᠠ᠎ᠪᠠᠨ ᠬᠡᠷᠡᠭᠵᠢᠬᠦᠯᠬᠦ᠂   ᠬᠠᠨᠴᠤᠢ ᠲᠤᠭᠳᠤᠢ᠌ᠯᠠᠨ ᠬᠠᠷᠠᠵᠦ ᠪᠠᠢ᠌ᠭᠰᠠᠨ᠎ᠠᠴᠠ᠎ᠪᠠᠨ ᠢᠳᠡᠪᠬᠢᠲᠠᠢ ᠤᠷᠤᠯᠴᠠᠬᠤ《ᠭᠤᠷᠪᠠᠨ ᠬᠤᠪᠢᠷᠠᠯᠳᠠ》 ᠵᠢ ᠪᠡᠶᠡᠯᠡᠭᠦᠯᠤᠨ᠂ ᠲᠠᠷᠢᠶᠠᠴᠢᠨ ᠮᠠᠯᠴᠢᠨ᠎ᠤ ᠭᠤᠤᠯ ᠴᠤᠭᠴᠠ ᠵᠢᠨ ᠪᠠᠢ᠌ᠷᠢ ᠰᠠᠭᠤᠷᠢ ᠵᠢ ᠤᠯᠠᠮ ᠲᠤᠪᠤᠢ᠌ᠯᠭ᠋ᠠᠪᠠ᠃《ᠠᠷᠪᠠ ᠵᠢ ᠪᠦᠷᠢᠨ ᠪᠦᠷᠬᠦᠭᠦᠯᠬᠦ》 ᠵᠢ ᠠᠷᠠᠳ ᠲᠦᠮᠡᠨ᠎ᠤ ᠳᠠᠭ᠋ᠠᠰᠢᠶᠠᠯ᠎ᠳᠤ ᠨᠡᠢ᠌ᠴᠡᠭᠰᠡᠨ ᠢᠨᠵᠸᠨ᠋ᠸᠷᠢᠨᠭ ᠪᠤᠯᠭ᠋ᠠᠨ ᠴᠤᠭᠴᠠᠯᠠᠬᠤ ᠵᠢᠨ ᠲᠤᠯᠠᠳᠠ᠂ ᠪᠢᠳᠡ ᠠᠷᠠᠳ ᠲᠦᠮᠡᠨ᠎ᠢ ᠪᠦᠬᠦ ᠶᠠᠪᠤᠴᠠ᠎ᠳᠤ ᠤᠷᠤᠯᠴᠠᠬᠤ ᠵᠢ ᠪᠠᠷᠢᠮᠲᠠᠯᠠᠵᠤ᠂ ᠭᠠᠴᠠᠭ᠎ᠠ ᠲᠤᠰᠬᠤᠨ ᠠᠷᠠᠳᠴᠢᠯᠠᠯ ᠵᠶ᠋ᠠᠷ ᠠᠷᠠᠳ᠎ᠤᠨ ᠲᠦᠯᠦᠭᠡᠯᠡᠭᠴᠢ ᠰᠤᠨᠭ᠌ᠭᠤᠬᠤ᠎ᠪᠠᠷ ᠳᠠᠮᠵᠢᠭᠤᠯᠤᠨ᠂   ᠭᠠᠴᠠᠭ᠎ᠠ ᠲᠤᠰᠬᠤᠨ᠎ᠤ《ᠬᠤᠶᠠᠷ ᠵᠦᠪᠯᠡᠯ》᠎ᠤᠨ ᠭᠡᠰᠢᠭᠦᠨ᠎ᠢ ᠤᠷᠤᠯᠴᠠᠭᠤᠯᠤᠭᠰᠠᠨ《ᠠᠷᠪᠠ ᠵᠢ ᠪᠦᠷᠢᠨ ᠪᠦᠷᠬᠦᠭᠦᠯᠬᠦ》ᠢᠨᠵᠸᠨ᠋ᠸᠷᠢᠨᠭ᠎ᠤᠨ ᠪᠦᠲᠦᠭᠡᠨ ᠪᠠᠢ᠌ᠭᠤᠯᠤᠯᠲᠠ ᠵᠢᠨ ᠵᠦᠪᠯᠡᠯ ᠪᠠᠢ᠌ᠭᠤᠯᠵᠦ᠂ ᠠᠷᠠᠳ ᠲᠦᠮᠡᠨ ᠬᠦᠴᠦ ᠬᠦᠳᠡᠯᠮᠦᠷᠢ ᠤᠷᠤᠭᠤᠯᠵᠤ᠂ ᠵᠠᠰᠠᠭ᠎ᠤᠨ ᠤᠷᠳᠤᠨ᠎ᠤ ᠰᠠᠯᠠᠭ᠎ᠠ ᠮᠦᠴᠢᠷ᠎ᠲᠠᠢ ᠬᠠᠮᠲᠤ ᠢᠨᠵᠸᠨ᠋ᠸᠷᠢᠨᠭ᠎ᠤᠨ ᠠᠬᠢᠴᠠ ᠵᠢ ᠬᠢᠨᠠᠵᠤ᠂ ᠠᠷᠠᠳ ᠲᠦᠮᠡᠨ ᠰᠢᠢ᠍ᠳᠪᠦᠷᠢᠲᠦ ᠪᠤᠳᠤᠯᠭ᠎ᠠ᠎ᠳᠤ ᠤᠷᠤᠯᠴᠠᠬᠤ᠂ ᠬᠠᠮᠢᠶᠠᠷᠤᠯᠲᠠ᠎ᠳᠤ ᠤᠷᠤᠯᠴᠠᠬᠤ᠂ ᠬᠢᠨᠠᠯᠲᠠ ᠲᠠᠯᠪᠢᠬᠤ᠎ᠳᠤ ᠤᠷᠤᠯᠴᠠᠬᠤ ᠵᠢ ᠦᠨᠡᠨᠬᠦ ᠪᠡᠶᠡᠯᠡᠭᠦᠯᠵᠤ᠂《ᠵᠠᠰᠠᠭ᠎ᠤᠨ ᠤᠷᠳᠤᠨ ᠪᠦᠳᠤᠭᠡᠨ ᠪᠠᠢ᠌ᠭᠤᠯᠵᠤ᠂ ᠠᠷᠠᠳ ᠲᠦᠮᠡᠨ ᠬᠠᠷᠠᠵᠦ ᠰᠠᠭᠤᠬᠤ》 ᠪᠠᠢ᠌ᠳᠠᠯ ᠢᠯᠡᠷᠡᠬᠦ ᠵᠢ ᠪᠦᠲᠦᠮᠵᠢᠲᠠᠢ᠎ᠪᠠᠷ ᠬᠤᠷᠢᠭᠯᠠᠪᠠ᠃
    [ᠬᠦᠲᠦᠯᠦᠭᠴᠢ]《ᠠᠷᠪᠠ ᠵᠢ ᠪᠦᠷᠢᠨ ᠪᠦᠷᠬᠦᠭᠦᠯᠬᠦ》 ᠢᠨᠵᠸᠨ᠋ᠸᠷᠢᠨᠭ᠎ᠤᠨ ᠰᠢᠢ᠍ᠳᠪᠤᠷᠢᠯᠡᠬᠦ᠎ᠨᠢ ᠦᠷᠭᠡᠨ ᠤᠯᠠᠨ ᠲᠠᠷᠢᠶᠠᠴᠢᠨ ᠮᠠᠯᠴᠢᠨ᠎ᠤ ᠠᠨᠭ᠌ᠬᠠᠷᠴᠤ ᠬᠠᠯᠠᠮᠵᠢᠯᠠᠵᠤ ᠪᠠᠢ᠌ᠭ᠎ᠠ ᠬᠤᠪᠢ ᠪᠡᠶ᠎ᠡ ᠵᠢᠨ ᠠᠰᠢᠭ ᠲᠤᠰᠠ ᠪᠤᠯᠤᠨ᠎ᠠ᠂《ᠠᠷᠠᠳ᠎ᠢ ᠪᠠᠶᠠᠵᠢᠭᠤᠯᠵᠦ ᠠᠷᠠᠳ᠎ᠢ ᠠᠮᠤᠷᠵᠢᠭᠤᠯᠵᠦ ᠠᠷᠠᠳ᠎ᠢ ᠪᠠᠶᠠᠰᠬᠠᠬᠤ》 ᠢᠨᠵᠸᠨ᠋ᠸᠷᠢᠨᠭ ᠪᠤᠯᠤᠨ᠎ᠠ᠂ ᠭᠤᠷᠪᠠᠨ ᠵᠢᠯ᠎ᠤᠨ ᠬᠤᠭᠤᠴᠠᠭ᠋ᠠᠨ᠎ᠳᠤ ᠲᠠᠷᠢᠶᠠᠯᠠᠬᠤ ᠮᠠᠯᠵᠢᠬᠤ ᠤᠷᠤᠨ᠎ᠳᠤ   ᠤᠯᠠᠨ ᠨᠡᠢ᠌ᠲᠡ ᠵᠢᠨ ᠦᠨᠳᠤᠰᠤᠨ ᠦᠢ᠍ᠯᠡᠴᠢᠯᠡᠭᠡ ᠵᠢ   ᠪᠦᠷᠬᠦᠭᠦᠯᠬᠦ᠎ᠨᠢ ᠦᠨᠡᠨ᠎ᠳᠡᠭᠡᠨ ᠬᠡᠪᠴᠢᠶ᠎ᠡ ᠦᠷᠭᠡᠨ᠂ ᠴᠠᠭ ᠪᠠᠴᠢᠮ᠂ ᠡᠭᠦᠷᠭᠡ ᠬᠦᠨᠳᠤ ᠪᠠᠢ᠌ᠭ᠎ᠠ ᠶᠤᠮ᠂ ᠲᠡᠭᠡᠪᠡᠯ ᠤᠷᠳᠤᠰ ᠬᠤᠲᠠ ᠲᠤᠰ ᠢᠨᠵᠸᠨ᠋ᠸᠷᠢᠨᠭ᠎ᠢ   ᠬᠡᠷᠬᠢᠨ ᠪᠤᠳᠠᠲᠠᠢ ᠵᠤᠬᠢᠶᠠᠨ ᠪᠠᠢ᠌ᠭᠤᠯᠤᠨ ᠨᠠᠢ᠌ᠳᠠᠪᠤᠷᠢᠵᠢᠭᠤᠯᠤᠭᠰᠠᠨ ᠪᠤᠢ?
    [ᠵᠤᠴᠢᠨ   ᠭᠤᠤ ᠶᠤᠤ ᠸᠸᠢ] 《ᠠᠷᠪᠠ   ᠵᠢ ᠪᠦᠷᠢᠨ ᠪᠦᠷᠬᠦᠭᠦᠯᠬᠦ》ᠢᠨᠵᠸᠨ᠋ᠸᠷᠢᠨᠭ᠎ᠢ ᠪᠦᠬᠦ ᠲᠠᠯ᠎ᠠ᠎ᠪᠠᠷ ᠰᠠᠢ᠌ᠲᠤᠷ ᠬᠡᠷᠡᠭᠵᠢᠬᠦᠯᠵᠦ᠂ ᠨᠠᠮ ᠪᠠ ᠵᠠᠰᠠᠭ᠎ᠤᠨ ᠤᠷᠳᠤᠨ᠎ᠤ ᠬᠠᠢ᠌ᠷ᠎ᠠ ᠬᠠᠯᠠᠮᠵᠢ ᠵᠢ ᠦᠨᠳᠦᠰᠦᠨ ᠱᠠᠲᠤᠨ᠎ᠳᠤ ᠬᠦᠷᠭᠡᠬᠦ ᠵᠢᠨ ᠲᠤᠰᠠᠳᠠ᠂ ᠮᠠᠨ᠎ᠤ ᠬᠤᠲᠠ ᠳᠡᠭᠡᠲᠦ ᠬᠡᠮᠵᠢᠶ᠎ᠡ᠎ᠪᠠᠷ ᠬᠦᠨᠳᠤᠳᠭᠡᠨ ᠦᠵᠡᠵᠦ᠂ ᠨᠠᠷᠢᠨ ᠬᠢᠨᠠᠮᠠᠭ᠋ᠠᠢ ᠰᠤᠳᠤᠯᠤᠨ ᠪᠠᠢ᠌ᠷᠢᠯᠠᠭᠤᠯᠪᠠ᠃ ᠬᠤᠲᠠ᠂ ᠬᠤᠰᠢᠭᠤ ᠲᠤᠭᠤᠷᠢᠭ᠂ ᠰᠤᠮᠤ ᠰᠢᠶᠠᠨᠭ᠌ ᠪᠠᠯᠭ᠋ᠠᠰᠤᠨ᠎ᠳᠤ ᠲᠤᠰ ᠲᠤᠰ ᠠᠵᠢᠯ᠎ᠤᠨ ᠤᠳᠤᠷᠢᠳᠬᠤ ᠳᠤᠭᠤᠢ᠌ᠯᠠᠨᠭ᠌ ᠪᠠᠢ᠌ᠭᠤᠯᠵᠤ᠂ ᠭᠠᠴᠠᠭ᠎ᠠ ᠲᠤᠰᠬᠤᠨ᠎ᠳᠤ ᠢᠨᠵᠸᠨ᠋ᠸᠷᠢᠨᠭ᠎ᠢ ᠪᠦᠲᠦᠭᠡᠨ ᠪᠠᠢ᠌ᠭᠤᠯᠬᠤ ᠵᠦᠪᠯᠡᠯ ᠪᠠᠢ᠌ᠭᠤᠯᠵᠠᠢ᠃ ᠬᠤᠲᠠ ᠵᠢᠨ ᠱᠠᠲᠤᠨ᠎ᠤ ᠤᠳᠤᠷᠢᠳᠬᠤ   ᠳᠤᠭᠤᠢ᠌ᠯᠠᠨᠭ᠌ ᠨᠢᠭᠡᠳᠤᠯᠲᠠᠢ ᠵᠤᠬᠢᠴᠠᠭᠤᠯᠬᠤ᠂ ᠪᠡᠯᠡ ᠮᠦᠨᠭᠭᠦ ᠪᠠᠲᠤᠯᠠᠬᠤ ᠵᠢ ᠬᠠᠷᠢᠭᠤᠴᠠᠪᠠ; ᠬᠤᠰᠢᠭᠤ ᠵᠢᠨ ᠱᠠᠲᠤᠨ᠎ᠤ ᠬᠢᠨᠢ ᠪᠦᠬᠦ ᠲᠠᠯ᠎ᠠ᠎ᠪᠠᠷ ᠬᠠᠷᠢᠭᠤᠴᠠᠵᠤ᠂ ᠴᠢᠭ᠎ᠢ ᠠᠳᠬᠤᠨ ᠪᠦᠬᠦ ᠲᠠᠯ᠎ᠠ ᠵᠢ ᠠᠬᠢᠭᠤᠯᠪᠠ; ᠰᠤᠮᠤ ᠰᠢᠶᠠᠨᠭ᠌ ᠪᠠᠯᠭ᠋ᠠᠰᠤ   ᠵᠢᠨ ᠬᠢᠨᠢ ᠭᠤᠤᠯ ᠴᠤᠭᠴᠠ᠎ᠪᠠᠷ ᠠᠬᠢᠭᠤᠯᠵᠤ᠂ ᠲᠤᠬᠠᠢ ᠵᠢᠨ ᠲᠠᠯᠠᠪᠤᠷ᠎ᠲᠤᠨᠢ   ᠵᠢᠯᠤᠭᠤᠳᠪᠠ; ᠬᠤᠲᠠ ᠬᠤᠰᠢᠭᠤ ᠲᠤᠭᠤᠷᠢᠭ᠎ᠤᠨ ᠬᠤᠶᠠᠷ ᠱᠠᠲᠤᠨ᠎ᠤ ᠰᠢᠭᠤᠳ ᠬᠠᠷᠢᠶ᠎ᠠ ᠰᠠᠯᠠᠭ᠎ᠠ ᠮᠦᠴᠢᠷ ᠲᠦᠯᠦᠪᠵᠢᠭᠦᠯᠦᠨ ᠵᠢᠷᠤᠭᠯᠠᠬᠤ᠂ ᠮᠡᠷᠭᠡᠵᠢᠯ ᠲᠠᠯ᠎ᠠ᠎ᠪᠠᠷ ᠵᠢᠯᠤᠭᠤᠳᠬᠤ᠂ ᠶᠠᠰᠤ ᠴᠢᠨᠠᠷ ᠎ᠤᠨ   ᠪᠤᠭᠤᠮᠳᠠ ᠵᠢ ᠠᠳᠬᠤᠬᠤ ᠵᠢ ᠬᠠᠷᠢᠭᠤᠴᠠᠪᠠ; ᠭᠠᠴᠠᠭ᠎ᠠ ᠲᠤᠰᠬᠤᠨ ᠤᠬᠠᠭᠤᠯᠤᠨ ᠵᠢᠯᠤᠭᠤᠳᠬᠤ᠂ ᠠᠷᠠᠳ ᠲᠦᠮᠡᠨ᠎ᠢ ᠳᠠᠢ᠌ᠴᠢᠯᠠᠬᠤ᠂ ᠵᠦᠷᠢᠴᠡᠯ᠎ᠢ ᠰᠢᠢ᠍ᠳᠪᠤᠷᠢᠯᠡᠬᠦ ᠵᠢ ᠬᠠᠷᠢᠭᠤᠴᠠᠪᠠ; ᠲᠠᠷᠢᠶᠠᠴᠢᠨ ᠮᠠᠯᠴᠢᠨ ᠲᠦᠮᠡᠨ ᠬᠦᠴᠦ ᠬᠦᠳᠡᠯᠮᠦᠷᠢ ᠤᠷᠤᠭᠤᠯᠵᠤ᠂   ᠡᠷᠡᠭᠦᠯ ᠬᠠᠮᠠᠭ᠋ᠠᠯᠠᠯ᠎ᠤᠨ ᠴᠡᠪᠡᠷᠯᠡᠬᠡ ᠬᠢᠵᠤ᠂ ᠭᠡᠷ ᠪᠠᠢ᠌ᠰᠢᠩ᠎ᠢ ᠵᠠᠰᠠᠵᠦ ᠪᠠᠢ᠌ᠭᠤᠯᠪᠠ᠃ ᠬᠤᠲᠠ ᠵᠢᠨ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ᠎ᠤ ᠭᠤᠤᠯ ᠤᠳᠤᠷᠢᠳᠤᠯᠭ᠎ᠠ ᠪᠡᠶ᠎ᠡ᠎ᠪᠠᠷ ᠵᠶ᠋ᠠᠨ ᠪᠠᠢ᠌ᠷᠢᠯᠠᠭᠤᠯᠤᠨ᠂ ᠪᠡᠶ᠎ᠡ᠎ᠪᠠᠷ ᠵᠶ᠋ᠠᠨ ᠵᠢᠯᠤᠭᠤᠳᠴᠦ᠂ ᠬᠤᠪᠢᠶᠠᠷᠢᠯᠠᠨ ᠬᠠᠮᠢᠶᠠᠷᠬᠤ ᠤᠳᠤᠷᠢᠳᠤᠯᠭ᠎ᠠ ᠦᠷᠭᠦᠯᠵᠢ ᠠᠰᠠᠭᠤᠨ ᠰᠤᠷᠠᠵᠦ᠂   ᠪᠡᠶ᠎ᠡ᠎ᠪᠠᠷ ᠵᠶ᠋ᠠᠨ ᠨᠠᠢ᠌ᠳᠠᠪᠤᠷᠢᠵᠢᠭᠤᠯᠬᠤ ᠵᠢᠨ ᠬᠠᠮᠲᠤ ᠤᠷᠢᠳ ᠬᠤᠵᠢᠳ ᠬᠤᠲᠠ ᠵᠢᠨ ᠨᠠᠮ᠎ᠤᠨ ᠬᠤᠷᠢᠶ᠎ᠠ ᠵᠢᠨ ᠪᠠᠢ᠌ᠨᠭ᠌ᠭᠤ ᠵᠢᠨ ᠬᠡᠰᠢᠭᠦᠨ᠎ᠤ ᠬᠤᠷᠠᠯ᠂ ᠬᠤᠰᠢᠭᠤ ᠲᠤᠭᠤᠷᠢᠭ᠎ᠤᠨ   ᠨᠠᠮ᠎ᠤᠨ ᠬᠤᠷᠢᠶ᠎ᠠ ᠵᠢᠨ ᠱᠦᠵᠢ ᠵᠢᠨ ᠬᠤᠷᠠᠯ᠂ ᠳᠠᠢ᠌ᠴᠢᠯᠠᠯᠲᠠ ᠵᠢᠨ ᠬᠤᠷᠠᠯ᠂ ᠲᠤᠬᠠᠢ ᠵᠢᠨ ᠲᠠᠯᠠᠪᠤᠷ᠎ᠤᠨ ᠦᠵᠡᠭᠦᠯᠦᠯᠭᠡ ᠵᠢᠨ ᠬᠤᠷᠠᠯ ᠪᠠ ᠠᠵᠢᠯ᠎ᠢ ᠠᠬᠢᠭᠤᠯᠬᠤ ᠬᠤᠷᠠᠯ ᠵᠡᠷᠭᠡ ᠬᠤᠷᠠᠯ ᠬᠢᠵᠦ᠂ ᠠᠵᠢᠯ᠎ᠤᠨ ᠨᠠᠢ᠌ᠳᠠᠪᠤᠷᠢᠵᠢᠭᠤᠯᠤᠯᠳᠠ ᠵᠢ ᠠᠬᠢᠭᠤᠯᠪᠠ᠃ ᠡᠭᠦᠨ᠎ᠤ ᠬᠠᠮᠲᠤ   《ᠭᠠᠷᠠᠭ᠎ᠲᠤ ᠨᠢᠭᠡ ᠮᠡᠳᠡᠬᠦᠯᠬᠦ᠂ ᠬᠠᠭ᠋ᠠᠰ ᠰᠠᠷ᠎ᠠ᠎ᠳᠤ ᠨᠢᠭᠡ ᠨᠡᠪᠳᠡᠷᠡᠬᠦᠯᠬᠦ᠂ ᠰᠠᠷ᠎ᠠ᠎ᠳᠤ ᠨᠢᠭᠡ ᠲᠤᠬᠢᠷᠠᠭᠤᠯᠬᠤ》 ᠠᠵᠢᠯᠯᠠᠬᠤ ᠠᠷᠭ᠎ᠠ ᠵᠢ ᠠᠪᠴᠤ᠂《ᠤᠳᠤᠷᠢᠳᠬᠤ ᠳᠤᠭᠤᠢ᠌ᠯᠠᠨᠭ᠌ ᠨᠢᠭᠡᠳᠤᠯᠲᠠᠢ ᠵᠤᠬᠢᠴᠠᠭᠤᠯᠬᠤ᠂ ᠡᠷᠬᠡ ᠴᠢᠳᠠᠪᠤᠷᠢᠳᠤ ᠰᠠᠯᠠᠭ᠎ᠠ ᠮᠦᠴᠢᠷ ᠪᠤᠳᠠᠲᠠᠢ ᠵᠢᠯᠤᠭᠤᠳᠬᠤ᠂ ᠰᠤᠮᠤ ᠰᠢᠶᠠᠨᠭ᠌ ᠪᠠᠯᠭ᠋ᠠᠰᠤ ᠵᠤᠬᠢᠶᠠᠨ ᠪᠠᠢ᠌ᠭᠤᠯᠤᠨ ᠬᠡᠷᠡᠭᠵᠢᠬᠦᠯᠬᠦ᠂ ᠲᠠᠷᠢᠶᠠᠯᠠᠬᠤ ᠮᠠᠯᠵᠢᠬᠤ ᠤᠷᠤᠨ᠎ᠤ ᠠᠷᠠᠳ ᠲᠦᠮᠡᠨ ᠢᠳᠡᠪᠬᠢᠲᠠᠢ ᠤᠷᠤᠯᠴᠠᠬᠤ》 ᠬᠤᠲᠠ᠂ ᠬᠤᠰᠢᠭᠤ᠂ ᠰᠢᠶᠠᠨᠭ᠌᠂ ᠲᠤᠰᠬᠤᠨ᠂ ᠲᠠᠷᠢᠶᠠᠴᠢᠨ ᠮᠠᠯᠴᠢᠨ᠎ᠤ《ᠲᠠᠪᠤᠨ ᠱᠠᠲᠤ ᠬᠠᠮᠳᠤᠷᠠᠨ ᠬᠦᠳᠡᠯᠦᠯᠴᠡᠭᠰᠡᠨ》 ᠲᠤᠭᠳᠠᠴᠠ ᠵᠢ ᠪᠦᠷᠢᠯᠳᠦᠭᠦᠯᠵᠤ᠂ ᠲᠠᠷᠢᠶᠠᠯᠠᠬᠤ ᠮᠠᠯᠵᠢᠬᠤ ᠤᠷᠤᠨ ᠎ᠳᠤ《ᠠᠷᠪᠠ ᠵᠢ ᠪᠦᠷᠢᠨ ᠪᠦᠷᠬᠦᠭᠦᠯᠬᠦ》ᠢᠨᠵᠸᠨ᠋ᠸᠷᠢᠨᠭ᠎ᠤᠨ ᠤᠷᠤᠭᠰᠢᠲᠠᠢ   ᠬᠡᠷᠡᠭᠵᠢᠬᠦᠯᠦᠭᠳᠡᠬᠦ ᠵᠢ ᠪᠠᠲᠤᠯᠠᠪᠠ᠃
    [ᠬᠦᠲᠦᠯᠦᠭᠴᠢ] ᠤᠳᠤ ᠪᠤᠯᠬᠤ᠎ᠳᠤ᠂《ᠠᠷᠪᠠ ᠵᠢ ᠪᠦᠷᠢᠨ ᠪᠦᠷᠬᠦᠭᠦᠯᠬᠦ》ᠢᠨᠵᠸᠨ᠋ᠸᠷᠢᠨᠭ  ᠎ᠢ ᠬᠡᠷᠡᠭᠵᠢᠭᠦᠯᠤᠭᠡᠳ ᠵᠢᠯ ᠰᠢᠬᠠᠮ ᠪᠤᠯᠪᠠ᠂ ᠪᠢᠳᠡ ᠶᠠᠮᠠᠷ ᠠᠮᠵᠢᠯᠳᠠ ᠪᠦᠳᠤᠭᠡᠯ ᠤᠯᠤᠭᠰᠠᠨ ᠪᠤᠢ? ᠠᠵᠢᠯ᠎ᠤᠨ ᠳᠤᠮᠳᠠ᠎ᠪᠠᠨ ᠵᠠᠮᠠᠷ ᠬᠦ᠌ ᠰᠠᠢ᠌ᠨ ᠠᠷᠭ᠎ᠠ ᠬᠡᠮᠵᠢᠶ᠎ᠡ ᠠᠪᠤᠭᠰᠠᠨ ᠪᠤᠢ?
    [ᠵᠤᠴᠢᠨ   ᠭᠤᠤ ᠶᠤᠤ ᠸᠸᠢ]2014 ᠤᠨ᠂ ᠪᠦᠬᠦ ᠬᠤᠲᠠ᠎ᠳᠤ《ᠠᠷᠪᠠ ᠵᠢ   ᠪᠦᠷᠢᠨ ᠪᠦᠷᠬᠦᠭᠦᠯᠬᠦ》 ᠢᠨᠵᠸᠨ᠋ᠸᠷᠢᠨᠭ᠎ᠢ ᠬᠡᠷᠡᠭᠵᠢᠬᠦᠯᠦᠭᠰᠡᠨ ᠭᠠᠴᠠᠭ᠎ᠠ ᠲᠤᠰᠬᠤᠨ 643 ᠪᠠᠢ᠌ᠵᠤ᠂ ᠨᠡᠢ᠌ᠲᠡ 2045 ᠲᠦᠷᠦᠯ᠎ᠤᠨ ᠲᠦᠷᠦᠯ ᠵᠦᠢ᠍ᠯ᠎ᠢ ᠬᠡᠷᠡᠭᠵᠢᠬᠦᠯᠵᠤ᠂   ᠪᠡ᠊192413 ᠲᠦᠮᠡᠨ ᠲᠦᠭᠦᠷᠢᠭ  ᠎ᠤᠨ   ᠪᠡᠯᠡ ᠤᠷᠤᠭᠤᠯᠤᠯᠲᠠ ᠵᠢ ᠪᠡᠶᠡᠯᠡᠬᠦᠯᠵᠦ᠂ ᠲᠦᠯᠦᠪᠯᠡᠭᠰᠡᠨ ᠪᠡᠯᠡ ᠤᠷᠤᠭᠤᠯᠤᠯᠲᠠ ᠵᠢᠨ 104% ᠵᠢ ᠡᠵᠡᠯᠡᠪᠡ᠃ ᠡᠭᠦᠨ᠎ᠳᠤ᠂ ᠨᠤᠷᠠᠬᠤ ᠠᠶᠤᠯᠲᠠᠢ ᠬᠡᠷ ᠪᠠᠢ᠌ᠰᠢᠨᠭ᠌ ᠦᠬᠡᠷᠡᠴᠢᠯᠡᠬᠦ᠂ ᠵᠡᠭᠡᠯᠢ ᠭᠤᠳᠤᠮᠵᠢ ᠵᠢ   ᠬᠠᠳᠠᠭᠤᠷᠠᠭᠤᠯᠬᠤ ᠵᠡᠷᠭᠡ 6 ᠲᠦᠷᠦᠯ᠎ᠤᠨ ᠢᠨᠵᠸᠨ᠋ᠸᠷᠢᠨᠭ᠎ᠨᠢ ᠪᠦᠲᠦᠭᠡᠨ ᠪᠠᠢ᠌ᠭᠤᠯᠬᠤ ᠡᠭᠦᠷᠭᠡ᠎ᠪᠠᠨ ᠳᠠᠪᠠᠭᠤᠯᠤᠨ ᠪᠡᠶᠡᠯᠡᠭᠦᠯᠵᠤ᠂ 60 ᠵᠢᠱ᠌ᠢᠶ᠎ᠡ ᠦᠵᠡᠭᠦᠯᠬᠦ ᠭᠠᠴᠠᠭ᠎ᠠ ᠲᠤᠰᠬᠤᠨ᠎ᠢ ᠭᠤᠤᠯᠳᠠᠯᠭ᠎ᠠ᠎ᠲᠠᠢ ᠴᠤᠭᠴᠠᠯᠠᠨ᠂ ᠤᠳᠤᠬᠠᠨ᠎ᠳᠤ ᠨᠢᠭᠡᠨᠲᠡ ᠪᠦᠬᠦᠳᠡ ᠵᠢ ᠪᠦᠳᠤᠭᠡᠨ ᠪᠠᠢ᠌ᠭᠤᠯᠵᠠᠢ᠃ ᠨᠢᠭᠡ ᠪᠦᠯᠦᠭ ᠦᠨᠭᠭᠡᠷᠡᠭᠰᠡᠨ᠎ᠳᠤ ᠤᠯᠠᠨ ᠨᠡᠢ᠌ᠲᠡ ᠵᠢᠨ ᠦᠢ᠍ᠯᠡᠴᠢᠯᠡᠭᠡᠨ᠎ᠤ ᠨᠦᠬᠦᠴᠡᠯ ᠵᠶ᠋ᠡᠷ ᠲᠤᠩ ᠮᠠᠭᠤ ᠪᠠᠢ᠌ᠭᠰᠠᠨ ᠨᠢᠭᠡ ᠪᠦᠯᠦᠭ ᠭᠠᠴᠠᠭ᠎ᠠ ᠲᠤᠰᠬᠤᠨ《ᠠᠷᠪᠠ ᠵᠢ ᠪᠦᠷᠢᠨ ᠪᠦᠷᠬᠦᠭᠦᠯᠬᠦ》 ᠢᠨᠵᠸᠨ᠋ᠸᠷᠢᠨᠭ᠎ᠢ ᠬᠡᠷᠡᠭᠵᠢᠭᠦᠯᠦᠭᠡᠳ᠂ ᠯᠤᠲᠤ ᠶᠡᠬᠡ ᠬᠤᠪᠢᠷᠠᠯᠲᠠ ᠭᠠᠷᠤᠭᠰᠠᠨ᠎ᠢ ᠪᠢᠳᠡ ᠪᠠᠶᠠᠷᠲᠠᠢ᠎ᠪᠠᠷ ᠤᠯᠵᠦ ᠬᠠᠷᠠᠯ᠎ᠠ᠄ ᠬᠡᠷ ᠪᠠᠢ᠌ᠰᠢᠨᠭ᠌ ᠎ᠨᠢ ᠰᠢᠨᠡᠳᠴᠤ᠂ ᠵᠠᠮ ᠬᠠᠷᠢᠯᠴᠠᠭ᠎ᠠ᠂ ᠴᠠᠬᠢᠯᠭ᠋ᠠᠨ ᠨᠡᠪᠳᠡᠷᠡᠵᠦ᠂ ᠲᠦᠭᠡᠭᠡᠭᠦᠷ ᠤᠰᠤ᠎ᠲᠠᠢ ᠪᠤᠯᠵᠦ᠂ ᠤᠲᠠᠰᠤᠲᠤ ᠲᠸᠯᠸᠢᠰ ᠨᠡᠪᠳᠡᠷᠡᠵᠦ᠂ ᠰᠤᠷᠭ᠋ᠠᠭᠤᠯᠢ ᠵᠢᠨ ᠪᠠᠢ᠌ᠷᠢ ᠴᠤ᠌ ᠰᠢᠨ᠎ᠡ᠎ᠪᠠᠷ ᠪᠠᠢ᠌ᠭᠤᠯᠤᠭᠳᠠᠨ ᠵᠠᠰᠠᠭᠳᠠᠵᠦ᠂ ᠡᠮ ᠡᠮᠨᠡᠯᠭᠡ ᠵᠢᠨ ᠦᠷᠦᠬᠡ᠂ ᠰᠤᠶᠤᠯ᠎ᠤᠨ ᠦᠷᠦᠬᠡ᠂ ᠠᠷᠠᠳ᠎ᠲᠤ ᠳᠦᠭᠦᠮ ᠦᠵᠡᠭᠦᠯᠬᠦ ᠰᠤᠫᠸᠷ ᠳᠡᠯᠭᠡᠭᠦᠷ ᠴᠤ᠌ ᠪᠠᠢ᠌ᠭᠤᠯᠤᠭᠳᠠᠵᠦ᠂ ᠡᠮ ᠡᠮᠨᠡᠯᠭᠡ ᠵᠢᠨ ᠳᠠᠭ᠋ᠠᠳᠬᠠᠯ ᠪᠠ ᠨᠠᠰᠤᠲᠠᠨ᠎ᠢ ᠠᠰᠠᠷᠠᠬᠤ ᠳᠠᠭ᠋ᠠᠳᠬᠠᠯ ᠰᠢᠢ᠍ᠳᠪᠤᠷᠢᠯᠡᠭᠳᠡᠭᠡᠳ᠂ ᠠᠢ᠌ᠯ ᠲᠤᠰᠬᠤᠨ᠎ᠤ ᠤᠷᠴᠢᠨ ᠲᠤᠭᠤᠷᠢᠨ ᠭᠤᠢ᠌ᠳᠠ ᠰᠠᠢ᠌ᠬᠠᠨ ᠪᠤᠯᠤᠭᠰᠠᠨ ᠪᠠᠢ᠌ᠨ᠎ᠠ  ᠃   ᠨᠢᠬᠡ ᠵᠢᠯ᠎ᠤᠨ ᠴᠢᠷᠮᠠᠢ᠌ᠯᠭ᠎ᠠ ᠵᠶ᠋ᠠᠷ ᠳᠠᠮᠵᠢᠨ᠂ ᠪᠢᠳᠡ ᠲᠠᠷᠢᠶᠠᠴᠢᠨ ᠮᠠᠯᠴᠢᠨ᠎ᠤ ᠤᠯᠠᠨ ᠵᠢᠯ ᠮᠦᠷᠦᠭᠡᠳᠦᠭᠰᠡᠭᠡᠷ ᠢᠷᠡᠭᠰᠡᠨ ᠪᠦᠭᠡᠳ ᠨᠢᠭᠡᠨ ᠠᠢ᠌ᠯ ᠡᠷᠤᠭᠡ᠎ᠳᠤ ᠲᠦᠰᠢᠭᠯᠡᠨ ᠰᠢᠢ᠍ᠳᠪᠤᠷᠢᠯᠡᠵᠦ ᠦᠯᠦ ᠳᠡᠢ᠌ᠯᠬᠦ ᠵᠠᠷᠢᠮ ᠲᠤᠮᠤ ᠠᠰᠠᠭᠤᠳᠠᠯ᠎ᠢ ᠦᠨᠡᠨᠬᠦ ᠰᠢᠢ᠍ᠳᠪᠤᠷᠢᠯᠡᠬᠡᠳ᠂ ᠲᠠᠷᠢᠶᠠᠴᠢᠨ ᠮᠠᠯᠴᠢᠨ ᠲᠦᠮᠡᠨ᠎ᠳᠤ ᠦᠨᠡᠨ ᠪᠤᠳᠠᠲᠠᠢ ᠰᠠᠢ᠌ᠭ ᠬᠦᠷᠳᠡᠭᠡᠵᠦ᠂ ᠺᠠᠳ᠋ᠷᠴᠤᠳ᠎ᠲᠤ ᠳᠤᠤᠱᠲᠠᠢ ᠪᠤᠯᠪᠠᠰᠤᠷᠠᠯ ᠬᠦᠷᠳᠡᠭᠡᠵᠦ᠂ ᠠᠷᠠᠳ ᠤᠯᠠᠨ᠎ᠳᠤ ᠵᠢᠪ ᠵᠢᠩᠬᠢᠨᠢ ᠬᠤᠪᠢᠷᠠᠯᠳᠠ ᠵᠢ ᠤᠯᠵᠦ ᠬᠠᠷᠠᠭᠤᠯᠪᠠ᠃ ᠡᠨᠡ ᠵᠢᠯ᠎ᠤᠨ 10 ᠳ᠋ᠤᠭ᠋ᠠᠷ ᠰᠠᠷ᠎ᠠ ᠵᠢᠨ ᠡᠴᠦᠰ᠎ᠲᠤ ᠬᠤᠷᠠᠯᠳᠤᠭᠤᠯᠤᠭᠰᠠᠨ ᠦᠪᠡᠷᠲᠡᠭᠡᠨ ᠵᠠᠰᠠᠬᠤ ᠤᠷᠤᠨ᠎ᠤ ᠭᠤᠤᠯᠳᠠᠯᠭ᠎ᠠ᠎ᠲᠠᠢ ᠠᠵᠢᠯ ᠭᠤᠤᠯᠳᠠᠯᠭ᠎ᠠ᠎ᠲᠠᠢ ᠢᠨᠵᠸᠨ᠋ᠸᠷᠢᠨᠭ ᠎ᠤᠨ ᠲᠤᠬᠠᠢ ᠵᠢᠨ ᠲᠠᠯᠠᠪᠤᠷ᠎ᠢ ᠦᠵᠡᠬᠦ ᠪᠠᠢ᠌ᠴᠠᠭ᠋ᠠᠬᠤ ᠬᠤᠷᠠᠯ ᠳᠡᠭᠡᠷ᠎ᠡ᠂ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠱᠦᠵᠢ ᠸᠠᠨᠭ᠌ ᠵᠢᠶᠦ᠋ᠨ ᠵᠡᠭᠦᠨᠭ᠋ᠠᠷ ᠬᠤᠰᠢᠭᠤᠨ᠎ᠳᠤ ᠠᠷᠪᠠᠨ ᠬᠤᠶᠠᠷ ᠵᠠᠯᠭ᠋ᠠᠯᠳᠤᠭᠰᠠᠨ ᠬᠤᠲᠠ ᠰᠢᠶᠠᠨᠭ᠌᠎ᠤᠨ ᠰᠢᠭᠤᠢ᠌ᠳᠤ ᠲᠤᠰᠬᠤᠨ᠂ ᠰᠢᠨᠭ ᠰᠸᠨᠭ ᠳ᠋ᠢᠶᠠᠨ ᠲᠤᠰᠬᠤᠨ᠎ᠤ《ᠠᠷᠪᠠ ᠵᠢ ᠪᠦᠷᠢᠨ ᠪᠦᠷᠬᠦᠭᠦᠯᠬᠦ》ᠢᠨᠵᠸᠨ᠋ᠸᠷᠢᠨᠭ᠎ᠢ ᠪᠠᠢ᠌ᠴᠠᠭ᠋ᠠᠨ ᠦᠵᠡᠭᠰᠡᠨ᠎ᠤ᠎ᠪᠠᠨ ᠳᠠᠷᠠᠭ᠎ᠠ᠂ ᠵᠢᠱ᠌ᠢᠶ᠎ᠡ ᠦᠵᠡᠭᠦᠯᠬᠦ ᠴᠢᠭ᠋᠎ᠤᠨ ᠪᠦᠲᠦᠭᠡᠨ ᠪᠠᠢ᠌ᠭᠤᠯᠤᠯᠲᠠ ᠵᠢ ᠬᠦᠢ᠍ᠴᠡᠳ ᠨᠤᠳᠠᠯᠠᠵᠦ᠂ ᠵᠡᠭᠦᠨᠭ᠋ᠠᠷ ᠬᠤᠰᠢᠭᠤᠨ᠎ᠤ ᠦᠯᠢᠭᠡᠷ ᠬᠡᠪ᠎ᠢ ᠳᠠᠭᠤᠷᠢᠶᠠᠵᠦ ᠪᠤᠯᠬᠤ᠂ ᠳᠡᠯᠭᠡᠷᠡᠭᠦᠯᠵᠤ ᠪᠤᠯᠬᠤ ᠪᠦᠭᠡᠳ ᠪᠦᠬᠦ ᠤᠷᠤᠨ᠎ᠤ ᠡᠯ᠎ᠡ ᠠᠢ᠌ᠮᠠᠭ ᠬᠤᠲᠠ᠎ᠳᠤ ᠤᠷᠳᠤᠰ ᠬᠤᠳᠠ ᠵᠢᠨ  《ᠠᠷᠪᠠ ᠵᠢ ᠪᠦᠷᠢᠨ ᠪᠦᠷᠬᠦᠭᠦᠯᠬᠦ》ᠢᠨᠵᠸᠨ᠋ᠸᠷᠢᠨᠭ᠎ᠤᠨ ᠪᠦᠲᠦᠭᠡᠨ ᠪᠠᠢ᠌ᠭᠤᠯᠤᠯᠲᠠ ᠳᠤᠮᠳᠠᠬᠢ ᠨᠡᠢ᠌ᠲᠡᠯᠢᠭ ᠲᠤᠷᠰᠢᠯᠠᠭ᠎ᠠ᠂ ᠠᠷᠭ᠎ᠠ   ᠵᠢ ᠰᠤᠷᠤᠯᠴᠠᠬᠤ᠎ᠪᠠᠷ ᠱᠠᠭ᠋ᠠᠷᠳᠠᠵᠤ ᠪᠤᠯᠤᠨ᠎ᠠ ᠬᠡᠵᠤ ᠦᠵᠡᠵᠠᠢ᠃ ᠮᠠᠨ᠎ᠤ ᠬᠤᠲᠠ ᠵᠢᠨ《ᠠᠷᠪᠠ   ᠵᠢ ᠪᠦᠷᠢᠨ ᠪᠦᠷᠬᠦᠭᠦᠯᠬᠦ》 ᠢᠨᠵᠸᠨ᠋ᠸᠷᠢᠨᠭ   ᠡᠢ᠌ᠮᠦᠷᠭᠦᠦ ᠴᠠᠭ ᠪᠠᠴᠢᠮ᠂ ᠡᠭᠦᠷᠭᠡ ᠬᠦᠨᠳᠦ ᠪᠠᠢ᠌ᠳᠠᠯ ᠳᠤᠤᠷ᠎ᠠ᠂ ᠳᠡᠭᠡᠷᠡᠬᠢ ᠮᠡᠲᠦ ᠠᠮᠵᠢᠯᠳᠠ ᠪᠦᠳᠤᠭᠡᠯ ᠤᠯᠤᠭᠰᠠᠨ᠎ᠨᠢ ᠦᠨᠡᠬᠡᠷ ᠬᠢᠯᠪᠠᠷ ᠪᠤᠰᠤ ᠶᠤᠮ᠂ ᠡᠨᠡ᠎ᠨᠢ ᠭᠤᠤᠯᠳᠠᠭᠤ ᠳᠤᠤᠷᠠᠬᠢ ᠭᠤᠷᠪᠠᠨ ᠲᠠᠯ᠎ᠠ᠎ᠠᠴᠠ ᠠᠰᠢᠭ ᠬᠦᠷᠲᠡᠪᠡ᠄ ᠨᠢᠭᠡ᠎ᠳᠤ   ᠬᠤᠲᠠ ᠵᠢᠨ ᠨᠠᠮ᠎ᠤᠨ ᠬᠤᠷᠢᠶ᠎ᠠ᠂ ᠬᠤᠲᠠ ᠵᠢᠨ ᠵᠠᠰᠠᠭ᠎ᠤᠨ ᠤᠷᠳᠤᠨ᠎ᠤ ᠤᠳᠤᠷᠢᠳᠤᠯᠭ᠎ᠠ ᠳᠡᠭᠡᠲᠦ ᠬᠡᠮᠵᠢᠶ᠎ᠡ᠎ᠪᠠᠷ ᠬᠦᠨᠳᠤᠳᠭᠡᠨ ᠦᠵᠡᠵᠦ᠂ ᠳᠠᠢ᠌ᠴᠢᠯᠠᠯᠲᠠ ᠵᠢᠨ ᠬᠤᠷᠠᠯ᠂ ᠠᠬᠢᠭᠤᠯᠬᠤ ᠬᠤᠷᠠᠯ᠂ ᠲᠤᠬᠢᠷᠠᠭᠤᠯᠬᠤ ᠬᠤᠷᠠᠯ᠂   ᠠᠬᠤᠢ ᠲᠠᠯᠠᠪᠤᠷ᠎ᠤᠨ ᠬᠤᠷᠠᠯ᠎ᠪᠠᠷ   ᠲᠠᠮᠵᠢᠭᠤᠯᠤᠨ ᠪᠦᠬᠦ ᠬᠤᠳᠠ ᠵᠢᠨ 《ᠠᠷᠪᠠ ᠵᠢ   ᠪᠦᠷᠢᠨ ᠪᠦᠷᠬᠦᠭᠦᠯᠬᠦ》 ᠠᠵᠢᠯ᠎ᠢ ᠤᠯᠠᠨ ᠤᠳᠠᠭ᠎ᠠ ᠲᠤᠰᠬᠠᠢ ᠰᠡᠳᠤᠪ ᠵᠶ᠋ᠡᠷ ᠰᠤᠳᠤᠯᠤᠨ ᠲᠤᠬᠢᠷᠠᠭᠤᠯᠤᠭᠰᠠᠨ᠎ᠤ ᠬᠠᠮᠲᠤ᠂ ᠳᠡᠭᠡᠭᠰᠢ ᠢᠳᠡᠪᠬᠢᠲᠠᠢ᠎ᠲᠠᠢ ᠵᠤᠯᠭ᠋ᠠᠭᠤᠯᠤᠨ ᠵᠤᠬᠢᠴᠠᠭᠤᠯᠵᠦ᠂ ᠳᠤᠷᠤᠭᠰᠢ ᠦᠨᠳᠦᠰᠦᠨ ᠱᠠᠲᠤᠨ᠎ᠤ ᠨᠢᠭᠡᠳᠤᠭᠡᠷ ᠹᠠᠷᠤᠨᠲ᠎ᠳᠤ ᠬᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠳᠠ ᠬᠢᠵᠦ ᠠᠵᠢᠯ᠎ᠢ᠎ᠨᠢ ᠵᠢᠯᠤᠭᠤᠳᠤᠨ᠂ ᠪᠦᠬᠦ ᠬᠤᠲᠠ ᠵᠢᠨ   ᠳᠡᠭᠡᠳᠤ ᠳᠤᠤᠷᠠᠳᠤ ᠵᠢ ᠳᠠᠢ᠌ᠴᠢᠯᠠᠭᠰᠠᠨ《ᠠᠷᠪᠠ ᠵᠢ ᠪᠦᠷᠢᠨ ᠪᠦᠷᠬᠦᠭᠦᠯᠬᠦ》 ᠠᠵᠢᠯ᠎ᠤᠨ ᠪᠠᠢ᠌ᠳᠠᠯ᠎ᠢ ᠪᠤᠯ ᠪᠤᠯᠭ᠋ᠠᠨ᠂ ᠠᠵᠢᠯ᠎ᠤᠨ ᠨᠠᠢ᠌ᠳᠠᠪᠤᠷᠢᠵᠢᠯ᠎ᠢ ᠬᠦᠴᠤᠲᠠᠢ ᠠᠬᠢᠭᠤᠯᠵᠤ᠂ ᠦᠨᠡᠨᠬᠦ ᠠᠮᠵᠢᠯᠳᠠ ᠪᠦᠳᠤᠭᠡᠯ ᠭᠠᠷᠳᠠᠯ᠎ᠠ ᠠᠳᠬᠤᠪᠠ᠃ ᠬᠤᠶᠠᠷ᠎ᠲᠤ 2014 ᠤᠨ᠎ᠢ《ᠠᠷᠪᠠ ᠵᠢ ᠪᠦᠷᠢᠨ ᠪᠦᠷᠬᠦᠭᠦᠯᠬᠦ》 ᠢᠨᠵᠸᠨ᠋ᠸᠷᠢᠨᠭ ᠎ᠢ ᠡᠬᠢᠯᠡᠬᠦᠯᠬᠦ ᠵᠢᠱ᠌ᠢᠶ᠎ᠡ ᠦᠵᠡᠬᠦᠯᠬᠦ ᠵᠢᠯ   ᠪᠤᠯᠭ᠋ᠠᠭᠰᠠᠨ᠎ᠤ ᠬᠤᠪᠢ᠎ᠳᠤ᠂ ᠮᠠᠨ᠎ᠤ ᠬᠤᠲᠠ ᠨᠡᠢ᠌ᠲᠡᠯᠢᠭ ᠵᠢᠱ᠌ᠢᠶ᠎ᠡ ᠦᠵᠡᠬᠦᠯᠬᠦ ᠴᠢᠭ᠋ ᠪᠠ ᠤᠷᠤᠨ ᠪᠠᠢ᠌ᠷᠢ ᠵᠢ ᠤᠨᠤᠪᠴᠢᠲᠠᠢ ᠰᠤᠩᠭᠤᠵᠦ᠂ ᠵᠢᠱ᠌ᠢᠶ᠎ᠡ ᠦᠵᠡᠬᠦᠯᠬᠦ ᠴᠢᠭ᠋᠎ᠢ ᠴᠤᠭᠴᠠᠯᠠᠬᠤ ᠵᠢ ᠴᠢᠨᠭᠭ᠎ᠠ ᠯᠠᠪᠳᠠᠭᠤᠨ ᠠᠳᠬᠤᠵᠤ᠂ ᠦᠨᠡᠨᠬᠦ ᠠᠮᠵᠢᠯᠳᠠ ᠪᠦᠳᠤᠭᠡᠯ ᠭᠠᠷᠳᠠᠯ᠎ᠠ ᠠᠳᠬᠤᠵᠦ᠂ ᠭᠢᠯᠠᠰ ᠴᠢᠭ ᠪᠤᠯᠳᠠᠯ᠎ᠠ ᠠᠳᠬᠤᠵᠦ᠂ ᠵᠢᠱ᠌ᠢᠶ᠎ᠡ ᠦᠵᠡᠭᠦᠯᠦᠨ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠪᠠ᠃ ᠭᠤᠷᠪᠠ᠎ᠳᠤ ᠪᠡᠯᠡ ᠮᠦᠨᠭᠭᠦ ᠵᠢᠨ ᠬᠠᠮᠢᠶᠠᠷᠤᠷᠯᠲᠠ ᠵᠢᠨ ᠲᠠᠯ᠎ᠠ᠎ᠪᠠᠷ᠂《ᠠᠷᠪᠠ ᠵᠢ ᠪᠦᠷᠢᠨ ᠪᠦᠷᠬᠦᠭᠦᠯᠬᠦ》 ᠪᠡᠯᠡ ᠮᠦᠨᠭᠭᠦ ᠵᠢ ᠲᠤᠰᠬᠠᠢ ᠡᠷᠦᠬᠡ ᠎ᠪᠠᠷ ᠬᠠᠮᠢᠶᠠᠷᠤᠨ᠂ ᠲᠤᠰᠬᠠᠢ ᠲᠦᠷᠦᠯ ᠵᠶ᠋ᠡᠷ ᠬᠡᠷᠡᠭᠯᠡᠵᠦ᠂ ᠪᠡᠯᠡ ᠮᠦᠨᠭᠭᠦ ᠵᠢ ᠴᠠᠭ ᠲᠤᠬᠠᠢ᠎ᠳᠤᠨᠢ ᠲᠤᠬᠢᠷᠠᠭᠤᠯᠤᠨ ᠦᠭᠴᠤ᠂ ᠲᠦᠷᠦᠯ ᠵᠦᠢ᠍ᠯ᠎ᠤᠨ ᠪᠡᠯᠡ ᠮᠦᠨᠭᠭᠦ ᠵᠢ ᠦᠨᠳᠦᠷ ᠦᠷ᠎ᠡ ᠪᠦᠲᠦᠮᠵᠢ᠎ᠲᠠᠢ᠂ ᠬᠡᠪ᠎ᠤᠨ ᠬᠡᠷᠡᠭᠯᠡᠯᠳᠡ᠎ᠲᠠᠢ ᠪᠠᠢ᠌ᠬᠤ   ᠵᠢ ᠪᠦᠲᠦᠮᠵᠢᠲᠠᠢ᠎ᠪᠠᠷ ᠪᠠᠳᠤᠯᠠᠵᠦ᠂ ᠦᠨᠦ ᠪᠤᠯᠳᠠᠯ᠎ᠠ᠂ ᠪᠦᠬᠦ ᠬᠤᠲᠠ᠎ᠳᠤ ᠪᠡᠯᠡ ᠮᠦᠨᠭᠭᠦ ᠵᠢ ᠲᠤᠭᠲᠠᠭ᠋ᠠᠯ᠎ᠠᠴᠠ ᠵᠦᠷᠢᠴᠡᠨ ᠨᠡᠭᠦᠯᠭᠡᠨ ᠬᠡᠷᠡᠭᠯᠡᠭᠰᠡᠨ ᠦᠵᠡᠭᠳᠡᠯ ᠨᠢᠭᠡ ᠴᠤ᠌ ᠭᠠᠷᠤᠭᠰᠠᠨ ᠦᠭᠡᠢ᠃ ᠪᠡᠯᠡ ᠮᠦᠨᠭᠭᠦ ᠵᠢᠨ ᠲᠦᠭᠦᠷᠵᠢᠭᠦᠯᠦᠯᠲᠡ ᠵᠢᠨ ᠲᠠᠯ᠎ᠠ᠎ᠪᠠᠷ᠂ ᠪᠤᠳᠠᠲᠠᠢ ᠪᠠᠢ᠌ᠳᠠᠯ᠎ᠳᠤ ᠨᠡᠢ᠌ᠴᠡᠭᠰᠡᠨ ᠲᠦᠷᠦ ᠵᠢᠨ ᠪᠤᠳᠤᠯᠭ᠎ᠠ ᠲᠤᠭᠲᠠᠭ᠋ᠠᠨ᠂ ᠤᠳᠤᠬᠠᠨ᠎ᠤ ᠠᠵᠤ ᠠᠬᠤᠢ ᠵᠢᠨ ᠪᠠᠢ᠌ᠳᠠᠯ᠎ᠢ ᠪᠤᠳᠤᠯᠬᠢᠯᠠᠵᠤ᠂《ᠠᠷᠪᠠ ᠵᠢ ᠪᠦᠷᠢᠨ ᠪᠦᠷᠬᠦᠭᠦᠯᠬᠦ》ᠡᠯ᠎ᠡ ᠲᠦᠷᠦᠯ᠎ᠤᠨ ᠢᠨᠵᠸᠨ᠋ᠸᠷᠢᠨᠭ᠎ᠤᠨ ᠪᠡᠯᠡ ᠮᠦᠨᠭᠭᠦᠨ᠎ᠤ ᠲᠦᠬᠦᠷᠵᠢᠭᠦᠯᠦᠯᠲᠡ ᠵᠢ ᠤᠤᠯ  ᠎ᠳᠠᠭᠠᠨ ᠬᠤᠰᠢᠭᠤ ᠲᠤᠭᠤᠷᠢᠭ ᠢᠯᠡᠭᠦᠤ ᠡᠭᠦᠷᠭᠡᠯᠡᠵᠤ ᠪᠠᠢ᠌ᠭᠰᠠᠨ᠎ᠢ ᠬᠤᠲᠠ ᠵᠢᠨ ᠱᠠᠲᠤ ᠢᠯᠡᠭᠦᠤ ᠡᠭᠦᠷᠭᠡᠯᠡᠬᠦ ᠪᠤᠯᠭ᠋ᠠᠨ ᠬᠤᠪᠢᠷᠠᠭᠤᠯᠪᠠ᠃ ᠵᠢᠱ᠌ᠢᠶᠡᠯᠡᠪᠡᠯ᠂ ᠨᠤᠷᠠᠬᠤ ᠠᠶᠤᠯᠲᠠᠢ ᠬᠡᠷ ᠪᠠᠢ᠌ᠰᠢᠨᠭ᠌᠎ᠢ ᠵᠠᠰᠠᠬᠤ ᠢᠨᠵᠸᠨ᠋ᠸᠷᠢᠨᠭ᠎ᠤᠨ ᠬᠤᠲᠠ᠂ ᠬᠤᠰᠢᠭᠤ ᠵᠢᠨ ᠪᠡᠯᠡ ᠮᠦᠨᠭᠭᠦᠨ᠎ᠤ ᠲᠦᠬᠦᠷᠵᠢᠬᠦᠯᠦᠯᠲᠡ ᠵᠢᠨ ᠬᠠᠷᠢᠴᠠᠯ᠎ᠢ 8᠄2 ᠪᠤᠯᠭ᠋ᠠᠨ ᠲᠤᠬᠢᠷᠠᠭᠤᠯᠵᠦ᠂ ᠪᠤᠰᠤᠳ ᠢᠨᠵᠸᠨ᠋ᠸᠷᠢᠨᠭ᠎ᠤᠨ ᠪᠡᠯᠡ ᠮᠦᠨᠭᠭᠦᠨ᠎ᠤ ᠬᠤᠲᠠ᠂ ᠬᠤᠰᠢᠭᠤ ᠵᠢᠨ ᠲᠦᠬᠦᠷᠵᠢᠭᠦᠯᠦᠯᠲᠡ ᠵᠢᠨ ᠬᠠᠷᠢᠴᠠᠯ᠎ᠢ 5᠄5 ᠪᠤᠯᠭ᠋ᠠᠨ ᠲᠤᠬᠢᠷᠠᠭᠤᠯᠵᠤ᠂ ᠬᠠᠨᠭ᠌ᠬᠢᠨ ᠬᠤᠰᠢᠭᠤ ᠵᠢᠨ ᠲᠦᠬᠦᠷᠵᠢᠭᠦᠯᠦᠯᠲᠡ ᠵᠢᠨ ᠪᠡᠯᠡ ᠮᠦᠨᠭᠭᠦ ᠵᠢ ᠬᠤᠲᠠ ᠵᠢᠨ ᠱᠠᠳᠤ᠎ᠨᠢ ᠪᠦᠬᠦᠨ᠎ᠢ᠎ᠨᠢ ᠡᠭᠦᠷᠭᠡᠯᠡᠵᠡᠢ᠃ ᠪᠡᠯᠡ ᠮᠦᠨᠭᠭᠦ ᠵᠢ ᠨᠡᠢ᠌ᠯᠡᠭᠦᠯᠬᠦ ᠲᠠᠯ᠎ᠠ᠎ᠪᠠᠷ᠂ ᠲᠠᠷᠢᠶᠠᠯᠠᠨᠭ᠌ ᠮᠠᠯ ᠠᠵᠦ ᠠᠬᠤᠢ᠎ᠲᠠᠢ ᠬᠤᠯᠪᠤᠭᠳᠠᠭᠰᠠᠨ ᠪᠡᠯᠡ ᠮᠦᠨᠭᠭᠦ ᠵᠢ ᠠᠪᠴᠢᠯᠳᠤᠭᠤᠯᠤᠨ ᠬᠡᠷᠡᠭᠯᠡᠵᠦ᠂ ᠨᠢᠭᠡ ᠬᠡᠷᠡᠭ᠎ᠢ ᠨᠢᠭᠡ ᠵᠦᠪᠯᠡᠵᠤ᠂ ᠨᠡᠢ᠌ᠭᠡᠮ ᠨᠡᠢ᠌ᠳᠡ ᠮᠦᠩᠬᠦ ᠬᠠᠨᠳᠢᠪᠯᠠᠵᠦ᠂ ᠮᠦᠨᠭᠭᠦᠨ ᠬᠦᠢ᠍ᠯᠭᠡᠭᠡᠨ ᠵᠢᠭᠡᠯᠡᠯᠭᠡ ᠦᠭᠴᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠵᠡᠷᠭᠡ ᠬᠡᠯᠪᠡᠷᠢ᠎ᠪᠠᠷ ᠪᠡᠯᠡ ᠮᠦᠨᠭᠭᠦ ᠬᠤᠷᠠᠮᠳᠤᠭᠤᠯᠵᠤ᠂《ᠵᠠᠰᠠᠭ᠎ᠤᠨ ᠤᠷᠳᠤᠨ᠎ᠠᠴᠠ ᠨᠢᠭᠡ ᠬᠡᠰᠡᠭ᠎ᠢ ᠭᠠᠷᠭ᠋ᠠᠵᠤ᠂ ᠪᠠᠨᠭ᠌ᠬᠢ᠎ᠠᠴᠠ ᠨᠢᠭᠡ ᠬᠡᠰᠡᠭ᠎ᠢ ᠵᠢᠭᠡᠯᠡᠨ ᠦᠭᠴᠤ᠂ ᠠᠵᠤ ᠠᠬᠤᠢ᠌ᠯᠠᠯ ᠨᠢᠭᠡ ᠬᠡᠰᠡᠭ᠎ᠢ ᠭᠠᠷᠭ᠋ᠠᠵᠤ᠂ ᠠᠷᠠᠳ ᠲᠦᠮᠡᠨ ᠨᠢᠭᠡ ᠬᠡᠰᠡᠭ᠎ᠢ ᠭᠠᠷᠭ᠋ᠠᠬᠤ》 ᠪᠡᠯᠡ ᠮᠦᠨᠭᠭᠦᠨ᠎ᠤ ᠬᠠᠮᠲᠤᠷᠠᠭᠰᠠᠨ ᠬᠦᠴᠦᠨ᠎ᠢ ᠪᠦᠷᠢᠯᠳᠦᠬᠦᠯᠵᠤ᠂ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠮᠦᠨᠭᠭᠦᠨ᠎ᠤ ᠱᠠᠭ᠋ᠠᠷᠳᠠᠯᠭ᠎ᠠ ᠵᠢ ᠦᠨᠡᠨᠬᠦ ᠪᠠᠲᠤᠯᠠᠪᠠ᠃ ᠲᠦᠷᠦᠯ ᠵᠦᠢ᠍ᠯ᠎ᠤᠨ ᠪᠡᠯᠡ ᠮᠦᠨᠭᠭᠦᠨ᠎ᠤ ᠬᠠᠮᠢᠶᠠᠷᠤᠯᠲᠠ᠂ ᠲᠦᠭᠦᠷᠵᠢᠭᠦᠯᠦᠯᠲᠡ ᠵᠢᠨ ᠠᠷᠭ᠎ᠠ ᠵᠢ ᠴᠠᠭ ᠲᠤᠬᠠᠢ᠎ᠳᠤᠨᠢ ᠲᠤᠬᠢᠷᠠᠭᠤᠯᠤᠭᠰᠠᠨ ᠵᠶ᠋ᠡᠷ《ᠠᠷᠪᠠ ᠵᠢ   ᠪᠦᠷᠢᠨ ᠪᠦᠷᠬᠦᠭᠦᠯᠬᠦ》ᠢᠨᠵᠸᠨ᠋ᠸᠷᠢᠨᠭ᠎ᠢ ᠤᠷᠤᠭᠰᠢᠲᠠᠢ   ᠬᠡᠷᠡᠭᠵᠢᠬᠦᠯᠬᠦ᠎ᠳᠤ ᠰᠠᠢ᠌ᠨ ᠰᠠᠢ᠌ᠬᠠᠨ ᠰᠠᠭᠤᠷᠢ ᠳᠠᠯᠪᠢᠨ ᠦᠭᠴᠠᠢ᠃
    [ᠬᠦᠲᠦᠯᠦᠭᠴᠢ] ᠵᠠ᠂ ᠭᠤᠤ ᠨᠠᠷᠢᠨ᠎ᠤᠨ ᠪᠢᠴᠢᠭ᠎ᠤᠨ ᠳᠠᠷᠤᠭ᠎ᠠ ᠵᠢᠨ ᠲᠠᠢ᠌ᠯᠪᠤᠷᠢᠯᠠᠯᠲᠠ ᠬᠢᠭᠰᠡᠨ᠎ᠳᠤ ᠪᠠᠶᠠᠷᠯᠠᠯ᠎ᠠ᠂ ᠡᠷᠬᠢᠮ ᠰᠦᠯᠵᠢᠶᠡᠨ᠎ᠤ ᠠᠨᠳᠠ ᠨᠠᠷ᠎ᠤᠨ ᠬᠦᠯᠢᠶᠡᠨ ᠦᠵᠡᠭᠰᠡᠨ᠎ᠳᠤ ᠪᠠᠶᠠᠷᠯᠠᠯ᠎ᠠ᠃ ᠲᠤᠰ ᠤᠳᠠᠭ᠋ᠠᠨ᠎ᠤ ᠰᠤᠷᠪᠤᠯᠵᠢᠯᠠᠭ᠎ᠠ ᠶᠠᠷᠢᠯᠴᠠᠭ᠎ᠠ ᠡᠨᠳᠡ ᠬᠦᠷᠦᠭᠡᠳ ᠦᠨᠳᠤᠷᠯᠠᠯ᠎ᠠ᠂ ᠳᠠᠷᠠᠭ᠋ᠠᠴᠢ ᠵᠢᠨ ᠫᠷᠦᠭᠷᠡᠮ ᠵᠶ᠋ᠡᠷ ᠳᠠᠬᠢᠨ ᠵᠤᠯᠭ᠋ᠠᠶ᠎ᠠ!

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
2015 —2017 ᠤᠨ᠎ᠤ ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠮᠠᠰᠢᠨ ᠪᠠᠭ᠋ᠠᠵᠢ ᠬᠤᠳᠠᠯᠳᠤᠨ ᠠᠪᠬᠤ᠎ᠳᠤ ᠨᠥᠬᠥᠪᠥᠷᠢ ᠥᠭᠬᠦ ᠲᠥᠷᠥ ᠵᠢᠨ ᠪᠣᠳᠣᠯᠭ᠎ᠠ
ᠭᠠᠵᠠᠷ ᠰᠢᠷᠣᠶ ᠵᠢ ᠠᠷᠪᠢᠲᠠᠶ ᠡᠷᠴᠢᠮᠯᠢᠭ ᠠᠰᠢᠭᠯᠠᠵᠤ ᠭᠠᠵᠠᠷ ᠰᠢᠷᠣᠶ ᠵᠢ ᠠᠰᠢᠭᠯᠠᠬᠤ ᠠᠷᠭ᠎ᠠ ᠮᠠᠶᠢᠭ᠎ᠢ ᠦᠨᠳᠦᠰᠦᠨ᠎ᠠᠴᠠ᠎ᠨᠢ ᠬᠤᠪᠢᠷᠠᠭᠤᠯᠬᠤ ᠵᠢ ᠳᠥᠯᠭᠢᠨ ᠠᠬᠢᠭᠤᠯᠬᠤ ᠬᠡᠷᠡᠭᠲᠡᠢ
ᠨᠠᠮ᠎ᠤᠨ ᠠᠷᠪᠠᠨ ᠨᠠᠢ᠍ᠮᠠᠳᠣᠭ᠋ᠠᠷ ᠬᠣᠭᠣᠴᠠᠭ᠋ᠠᠨ᠎ᠤ ᠲᠥᠪ ᠬᠣᠷᠢᠶ᠎ᠠ ᠵᠢᠨ ᠳᠥᠷᠪᠡᠳᠥᠬᠡᠷ ᠪᠦᠬᠦᠳᠡ ᠬᠣᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠳᠣᠣᠱᠯᠠᠭᠣᠯᠤᠨ ᠨᠠᠢ᠌ᠳᠠᠪᠦᠷᠢᠵᠢᠭᠤᠯᠵᠦ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠤᠨ᠎ᠢ ᠪᠠᠢ᠌ᠭᠣᠯᠬᠤ ᠠᠬᠢᠴᠠ ᠵᠢ ᠳᠥᠷᠭᠡᠳᠬᠡᠶ᠎ᠡ
ᠥᠪᠡᠷᠳᠡᠭᠡᠨ ᠵᠠᠰᠠᠬᠣ ᠣᠷᠣᠨ᠎ᠤ《8337》ᠬᠦᠭᠵᠢᠯᠳᠡ ᠵᠢᠨ ᠰᠡᠳᠬᠢᠮᠵᠢ ᠵᠢ ᠬᠢᠨᠠᠮᠠᠭ᠋ᠠᠢ ᠳᠣᠣᠱᠯᠠᠭᠣᠯᠣᠨ ᠨᠠᠢ᠌ᠳᠠᠪᠣᠷᠢᠵᠢᠭᠣᠯᠵᠣ᠂ ᠳᠠᠷᠢᠶᠠᠯᠠᠩ ᠮᠠᠯ ᠠᠵᠣ ᠠᠬᠣᠢ ᠵᠢ ᠠᠵᠣ ᠦᠢ᠍ᠯᠡᠰᠵᠢᠭᠥᠯᠥᠨ ᠡᠵᠡᠩᠨᠡᠭᠥ ᠳᠥᠪᠰᠢᠨ᠎ᠢ ᠪᠦᠬᠦ ᠳᠠᠯ᠎ᠠ᠎ᠪᠠᠷ ᠳᠡᠭᠡᠭᠰᠢᠯᠡᠭᠥᠯᠰᠥᠬᠡᠢ
ᠲᠦᠷᠦ ᠲᠠᠷᠬᠠᠭ᠋ᠠᠭᠰᠠᠨ 28 ᠳ᠋ᠤᠭ᠋ᠠᠷ ᠳᠤᠭ᠋ᠠᠳᠤ ᠪᠢᠴᠢᠭ ᠮᠠᠲᠸᠷᠢᠶᠠᠯ᠎ᠢ ᠬᠢᠨᠠᠮᠠᠭ᠋ᠠᠢ ᠲᠤᠤᠱᠯᠠᠭᠣᠯᠣᠨ ᠨᠠᠢ᠌ᠳᠠᠪᠤᠷᠢᠵᠢᠭᠤᠯᠵᠦ ᠵᠡᠭᠦᠨ ᠭᠡᠰᠡᠭ᠎ᠤᠨ ᠠᠢ᠌ᠮᠠᠭ ᠬᠤᠳᠠ ᠵᠢᠨ ᠬᠦᠭᠵᠢᠨ ᠮᠠᠨᠳᠤᠬᠤ ᠵᠢ ᠲᠦᠷᠭᠡᠳᠭᠡᠨ ᠠᠬᠢᠭᠤᠯᠤᠶ᠎ᠠ
 
            