ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠮᠠᠨ ᠎ᠤ ᠣᠷᠣᠨ᠎ᠤ ᠡᠯ᠎ᠡ ᠱᠠᠳᠤᠨ᠎ᠤ ᠵᠠᠰᠠᠭ᠎ᠤᠨ ᠣᠷᠳᠣᠨ ᠎ᠤ ᠡᠷᠬᠡ ᠵᠢᠨ ᠨᠠᠷᠢᠨ ᠳᠠᠩᠰᠠ ᠵᠢᠨ ᠳᠦᠷᠢᠮ᠎ᠤᠨ ᠪᠠᠢ᠌ᠭᠤᠯᠣᠯᠲᠠ ᠵᠢᠨ ᠠᠵᠢᠯ᠎ᠢ ᠪᠦᠬᠦ ᠲᠠᠯ᠎ᠠ᠎ᠪᠠᠷ ᠠᠬᠢᠭᠤᠯᠤᠶ᠎ᠠ
ᠨᠡᠶ᠋ᠢᠲᠡᠯᠡᠭᠰᠡᠨ ᠴᠠᠭ᠄ 2015-03-17

ᠰᠤᠷᠪᠤᠯᠵᠢᠯᠠᠭ᠎ᠠ ᠵᠢᠨ ᠭᠣᠣᠯ ᠰᠡᠳᠦᠪ᠄
        ᠮᠠᠨ ᠎ᠤ ᠣᠷᠣᠨ᠎ᠤ ᠡᠯ᠎ᠡ ᠱᠠᠳᠤᠨ᠎ᠤ ᠵᠠᠰᠠᠭ᠎ᠤᠨ ᠣᠷᠳᠣᠨ ᠎ᠤ   ᠡᠷᠬᠡ ᠵᠢᠨ   ᠨᠠᠷᠢᠨ

        ᠳᠠᠩᠰᠠ ᠵᠢᠨ ᠳᠦᠷᠢᠮ᠎ᠤᠨ ᠪᠠᠢ᠌ᠭᠤᠯᠣᠯᠲᠠ ᠵᠢᠨ ᠠᠵᠢᠯ᠎ᠢ ᠪᠦᠬᠦ ᠲᠠᠯ᠎ᠠ᠎ᠪᠠᠷ ᠠᠬᠢᠭᠤᠯᠤᠶ᠎ᠠ
ᠰᠣᠷᠪᠣᠯᠵᠢᠯᠠᠭᠰᠠᠨ ᠴᠠᠭ :
     2015 ᠣᠨ᠎ᠤ 2 ᠳ᠋ᠤᠭ᠋ᠠᠷ ᠰᠠᠷ᠎ᠠ ᠵᠢᠨ 27᠎ᠤ ᠡᠳᠦᠷ᠎ᠤᠨ ᠦᠳᠡ ᠵᠢᠨ ᠡᠮᠦᠨᠡᠬᠢ 10᠄ 30
ᠰᠣᠷᠪᠣᠯᠵᠢᠯᠠᠭ᠎ᠠ ᠬᠦᠯᠢᠶᠡᠭᠰᠡᠨ ᠵᠣᠴᠢᠨ :
      ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠤᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ᠂ ᠥᠪᠡᠷᠳᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠠᠤᠯᠢ ᠲᠦᠷᠢᠮ᠎ᠤᠨ ᠠᠯᠪᠠᠨ ᠭᠡᠷ᠎ᠤᠨ ᠡᠷᠬᠢᠯᠡᠭᠴᠢ   ᠰᠦᠨ ᠡᠾᠦ᠋ᠢ ᠮᠢᠨ
ᠰᠣᠷᠪᠣᠯᠵᠢᠯᠠᠭ᠎ᠠ ᠵᠢᠨ ᠳᠣᠪᠴᠢ ᠳᠠᠨᠢᠯᠴᠠᠭᠣᠯᠭ᠎ᠠ :
      ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ ᠪᠣᠯ ᠮᠠᠨ᠎ᠤ ᠣᠷᠣᠨ ᠴᠢᠨᠠᠭᠰᠢᠯᠠᠪᠠᠯ ᠪᠦᠬᠦ ᠤᠯᠤᠰ᠎ᠤᠨ ᠵᠠᠰᠠᠭ᠎ᠤᠨ ᠣᠷᠳᠣᠨ᠎ᠤ ᠠᠵᠢᠯ᠎ᠤᠨ ᠴᠢᠬᠤᠯᠠ᠎ᠠᠴᠠ ᠴᠢᠬᠤᠯᠠ ᠬᠡᠰᠡᠭ ᠪᠣᠯᠣᠨ᠎ᠠ᠂ ᠨᠢᠳᠤᠨᠤᠨ᠎ᠠᠴᠠ ᠡᠬᠢᠯᠡᠵᠦ᠂ ᠲᠤᠰ ᠠᠵᠢᠯ᠎ᠤᠨ ᠭᠣᠣᠯᠳᠠᠯᠭ᠎ᠠ ᠵᠢ ᠪᠠᠰᠠ ᠵᠠᠰᠠᠭ᠎ᠤᠨ ᠣᠷᠳᠣᠨ᠎ᠤ ᠡᠷᠬᠡ ᠵᠢᠨ ᠨᠠᠷᠢᠨ ᠳᠠᠩᠰᠠ ᠵᠢᠨ ᠳᠦᠷᠢᠮ᠎ᠤᠨ ᠪᠠᠢ᠌ᠭᠤᠯᠤᠯᠲᠠ ᠳᠡᠭᠡᠷ᠎ᠡ ᠰᠢᠯᠵᠢᠭᠦᠯᠪᠠ᠃ ᠣᠳᠣᠬᠠᠨ᠎ᠳᠤ᠂ ᠪᠦᠬᠦ ᠣᠷᠣᠨ᠎ᠤ ᠡᠯ᠎ᠡ ᠱᠠᠳᠤᠨ᠎ᠤ ᠵᠠᠰᠠᠭ᠎ᠤᠨ ᠣᠷᠳᠣᠨ᠎ᠤ ᠡᠷᠬᠡ ᠵᠢᠨ ᠨᠠᠷᠢᠨ ᠳᠠᠩᠰᠠ ᠵᠢᠨ ᠪᠠᠢ᠌ᠭᠤᠯᠤᠯᠲᠠ ᠵᠢᠨ ᠠᠵᠢᠯ ᠨᠢᠭᠡᠨᠲᠠ ᠪᠦᠬᠦ ᠲᠠᠯ᠎ᠠ᠎ᠪᠠᠷ ᠦᠷᠨᠢᠪᠡ᠃
    [ᠬᠦᠲᠦᠯᠦᠭᠴᠢ] ᠰᠦᠯᠵᠢᠶᠡᠨ ᠠᠨᠳᠠ ᠨᠠᠷ ᠡ᠂ ᠰᠠᠢ᠌ᠨ ᠪᠠᠢ᠌ᠵᠠᠭ᠋ᠠᠨ᠎ᠠ ᠤᠤ  ᠂   ᠲᠠ ᠪᠦᠭᠦᠨ ᠳᠣᠰ   ᠬᠣᠭᠣᠴᠠᠭ᠋ᠠᠨ᠎ᠤ ᠥᠪᠦᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠶᠡᠷᠦᠩᠭᠡᠢ᠌ᠯᠡᠭᠰᠡᠨ ᠫᠣᠷᠲᠸᠯ ᠰᠠᠢ᠌ᠲ ᠰᠦᠯᠵᠢᠶᠡᠨ᠎ᠤ 《ᠰᠥᠯᠵᠢᠶᠡᠨ ᠰᠣᠷᠪᠣᠯᠵᠢᠯᠠᠭ᠎ᠠ》 ᠪᠤᠯᠤᠩ᠎ᠢ ᠬᠦᠯᠢᠶᠡᠨ ᠠᠪᠴᠥ ᠥᠵᠡᠭᠥ ᠵᠢ ᠪᠠᠶᠠᠷᠯᠠᠨ ᠣᠭᠳᠣᠵᠣ ᠪᠠᠢ᠌ᠨ᠎ᠠ᠃ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠠ ᠪᠣᠯ ᠶᠡᠷᠦ᠎ᠠᠴᠠ᠎ᠪᠠᠨ ᠮᠠᠨ᠎ᠤ ᠣᠷᠣᠨ ᠴᠢᠨᠠᠭᠰᠢᠯᠠᠪᠠᠯ ᠪᠦᠬᠦ ᠤᠯᠤᠰ᠎ᠤᠨ ᠵᠠᠰᠠᠭ᠎ᠤᠨ ᠣᠷᠳᠣᠨ᠎ᠤ ᠠᠵᠢᠯ᠎ᠤᠨ ᠴᠢᠬᠤᠯᠠ᠎ᠠᠴᠠ ᠴᠢᠬᠤᠯᠠ ᠬᠡᠰᠡᠭ ᠪᠠᠢ᠌ᠵᠤ᠂ ᠨᠢᠳᠤᠨᠤᠨ᠎ᠠᠴᠠ ᠡᠬᠢᠯᠡᠨ᠂ ᠲᠤᠰ ᠲᠦᠷᠦᠯ᠎ᠤᠨ ᠠᠵᠢᠯ᠎ᠤᠨ ᠭᠣᠣᠯᠳᠠᠯᠭ᠎ᠠ ᠵᠢ ᠪᠠᠰᠠ ᠵᠠᠰᠠᠭ᠎ᠤᠨ ᠣᠷᠳᠣᠨ᠎ᠤ ᠡᠷᠬᠡ ᠵᠢᠨ ᠨᠠᠷᠢᠨ ᠳᠠᠩᠰᠠ ᠵᠢᠨ ᠳᠦᠷᠢᠮ᠎ᠤᠨ   ᠪᠠᠢ᠌ᠭᠤᠯᠤᠯᠲᠠ ᠳᠡᠭᠡᠷ᠎ᠡ ᠰᠢᠯᠵᠢᠭᠦᠯᠪᠡ᠃ ᠣᠳᠣᠬᠠᠨ᠎ᠳᠤ᠂ ᠪᠦᠬᠦ ᠣᠷᠣᠨ᠎ᠤ ᠡᠯ᠎ᠡ ᠱᠠᠳᠤᠨ᠎ᠤ ᠵᠠᠰᠠᠭ᠎ᠤᠨ ᠣᠷᠳᠣᠨ᠎ᠤ ᠡᠷᠬᠡ ᠵᠢᠨ ᠨᠠᠷᠢᠨ ᠳᠠᠩᠰᠠ ᠵᠢᠨ ᠪᠠᠢ᠌ᠭᠤᠯᠤᠯᠲᠠ ᠵᠢᠨ ᠠᠵᠢᠯ ᠨᠢᠭᠡᠨᠲᠠ ᠪᠦᠬᠦ   ᠲᠠᠯ᠎ᠠ᠎ᠪᠠᠷ ᠦᠷᠨᠢᠪᠡ᠃
      ᠥᠨᠥᠳᠦᠷ ᠪᠢᠳᠡ ᠠᠵᠠ ᠵᠠᠪᠰᠢᠶᠠᠨ᠎ᠲᠠᠢ᠎ᠪᠠᠷ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠤᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ᠂ ᠥᠪᠡᠷᠳᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠠᠤᠯᠢ ᠳᠦᠷᠢᠮ᠎ᠤᠨ ᠠᠯᠪᠠᠨ ᠭᠡᠷ᠎ᠤᠨ ᠡᠷᠬᠢᠯᠡᠭᠴᠢ ᠰᠦᠨ ᠡᠾᠦ᠋ᠢ ᠮᠢᠨ᠎ᠢ ᠡᠨᠳᠡ ᠣᠷᠢᠨ ᠢᠷᠡᠵᠤ   ᠲᠠᠨᠠᠷ᠎ᠲᠠᠢ ᠵᠤᠭᠤᠭᠳᠠᠭᠤᠯᠬᠤ ᠵᠢᠨ ᠬᠠᠮᠲᠤ ᠰᠦᠯᠵᠢᠶᠡᠨ ᠠᠨᠳᠠ ᠨᠠᠷ᠎ᠤᠨ ᠠᠰᠠᠭᠤᠯᠲᠠ ᠵᠢ ᠬᠠᠷᠢᠭᠤᠯᠬᠤ᠎ᠪᠠᠷ ᠪᠤᠯᠤᠯ᠎ᠠ᠃ ᠰᠦᠨ ᠡᠷᠬᠢᠯᠡᠭᠴᠢ ᠡ᠂ ᠲᠠᠨ᠎ᠤ 《ᠳᠤᠮᠳᠠᠳᠤ ᠤᠯᠤᠰ᠂ ᠥᠪᠥᠷ   ᠮᠣᠩᠭᠣᠯ ᠰᠦᠯᠵᠢᠶᠡᠨ》᠎ᠳᠤ   ᠮᠤᠷᠢᠯᠠᠨ ᠢᠷᠡᠭᠰᠡᠨ᠎ᠢ   ᠪᠠᠶᠠᠷᠯᠠᠨ ᠤᠭᠳᠤᠵᠦ ᠪᠠᠢ᠌ᠨ᠎ᠠ!
    [ᠰᠦᠨ ᠡᠾᠦ᠋ᠢ ᠮᠢᠨ] ᠬᠦᠳᠥᠯᠥᠭᠴᠢ ᠲᠠ ᠰᠠᠢ᠌ᠨ ᠪᠠᠢ᠌ᠨ᠎ᠠ ᠤᠤ᠂ ᠥᠷᠬᠡᠨ ᠣᠯᠠᠨ ᠰᠥᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨ᠎ᠠ ᠤᠤ  ᠃ ᠡᠨᠳᠡ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ ᠪᠠ ᠡᠷᠬᠡ ᠵᠢᠨ ᠨᠠᠷᠢᠨ ᠳᠠᠩᠰᠠ ᠵᠢᠨ ᠳᠦᠷᠢᠮ᠎ᠤᠨ ᠪᠠᠢ᠌ᠭᠤᠯᠤᠯᠲᠠ ᠭᠡᠰᠡᠨ ᠰᠡᠳᠦᠪ ᠵᠶ᠋ᠡᠷ ᠲᠠ ᠪᠦᠬᠦᠨ᠎ᠲᠠᠢ ᠶᠠᠷᠢᠯᠴᠠᠬᠤ ᠪᠤᠯᠤᠭᠰᠠᠨ᠎ᠳᠠᠭᠠᠨ ᠲᠤᠩ ᠪᠠᠶᠠᠷᠲᠠᠢ ᠪᠠᠢ᠌ᠨ᠎ᠠ᠃ ᠮᠦᠨ ᠴᠦ᠍ ᠥᠷᠭᠡᠨ ᠣᠯᠠᠨ ᠰᠦᠯᠵᠢᠶᠡᠨ ᠠᠨᠳᠠ ᠨᠠᠷ᠎ᠤᠨ ᠥᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ᠎ᠪᠠᠷ ᠵᠠᠰᠠᠭ ᠪᠠᠷᠢᠬᠤ ᠠᠵᠢᠯ ᠪᠠ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠬᠠᠯᠠᠮᠵᠢᠯᠠᠨ   ᠳᠡᠮᠵᠢᠭᠰᠡᠭᠡᠷ ᠢᠷᠡᠭᠰᠡᠨ᠎ᠳᠤ ᠲᠠᠯᠠᠷᠬᠠᠵᠤ ᠪᠠᠢ᠌ᠨ᠎ᠠ᠃
    [ᠬᠦᠲᠦᠯᠦᠭᠴᠢ] ᠰᠦᠨ ᠡᠷᠬᠢᠯᠡᠭᠴᠢ ᠡ᠂   ᠡᠨᠡ ᠬᠡᠳᠤᠨ ᠵᠢᠯ ᠂ ᠮᠠᠨ᠎ᠤ ᠣᠷᠣᠨ ᠪᠠ ᠪᠦᠬᠦ ᠣᠯᠣᠰ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ ᠵᠢᠨ ᠠᠵᠢᠯ ᠶᠡᠬᠡ ᠲᠥᠯᠥᠪ ᠶᠠᠮᠠᠷ ᠪᠠᠢ᠌ᠳᠠᠯ᠎ᠲᠠᠢ   ᠪᠠᠢ᠌ᠬᠤ ᠵᠢ ᠲᠠᠨᠢᠯᠴᠠᠭᠤᠯᠤᠭ᠋ᠠᠳ ᠦᠭᠬᠦᠨ᠎ᠡ ᠤᠤ?
    [ᠰᠦᠨ ᠡᠾᠦ᠋ᠢ ᠮᠢᠨ] ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠳᠦᠷᠢᠮ᠎ᠤᠨ ᠦᠭᠡᠷᠡᠴᠢᠯᠡᠯᠲᠡ᠎ᠨᠢ 2001 ᠣᠨ᠎ᠠᠴᠠ ᠡᠬᠢᠯᠡᠵᠦ᠂ ᠤᠯᠤᠰ᠎ᠤᠨ ᠬᠢᠨᠠᠨ ᠪᠠᠢ᠌ᠴᠠᠭ᠋ᠠᠬᠠᠤ ᠶᠠᠮᠤᠨ ᠲᠦᠷᠦᠭᠦᠯᠦᠨ ᠬᠠᠷᠢᠭᠤᠴᠠᠵᠤ᠂ ᠤᠯᠤᠰ᠎ᠤᠨ ᠳᠡᠰ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠬᠦᠴᠤᠨ ᠦᠬᠡᠢ ᠪᠤᠯᠭ᠋ᠠᠬᠤ᠂ ᠲᠣᠬᠢᠷᠠᠭᠤᠯᠬᠤ   ᠪᠠ ᠳᠣᠷᠣᠭᠰᠢ ᠪᠠᠭᠤᠯᠭ᠋ᠠᠬᠤ ᠶᠠᠪᠤᠳᠠᠯ ᠵᠶ᠋ᠡᠷ ᠭᠤᠤᠯ ᠡᠭᠦᠷᠬᠡ᠎ᠪᠠᠨ ᠪᠤᠯᠭ᠋ᠠᠪᠠ  ᠃ 2013 ᠣᠨ᠎ᠠᠴᠠ ᠡᠬᠢᠯᠡᠨ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠳᠦᠷᠢᠮ᠎ᠤᠨ ᠦᠭᠡᠷᠡᠴᠢᠯᠡᠯᠲᠡ ᠵᠢᠨ ᠠᠵᠢᠯ᠎ᠢ ᠲᠥᠪ᠎ᠤᠨ ᠣᠷᠣᠨ ᠲᠣᠭ᠋ᠠᠨ᠎ᠤ ᠠᠯᠪᠠᠨ ᠭᠡᠷ ᠲᠦᠷᠦᠬᠦᠯᠦᠨ ᠬᠠᠷᠢᠭᠤᠴᠠᠬᠤ᠎ᠪᠠᠷ ᠦᠭᠡᠷᠡᠴᠢᠯᠡᠪᠡ᠃
      ᠮᠠᠨ᠎ᠤ ᠣᠷᠣᠨ᠎ᠤ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ᠎ᠨᠢ 2004 ᠣᠨ᠎ᠠᠴᠠ ᠡᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠲᠦᠷᠢᠮ᠎ᠤᠨ ᠠᠯᠪᠠᠨ ᠭᠡᠷ ᠲᠦᠷᠦᠭᠦᠯᠦᠨ ᠬᠠᠷᠢᠭᠤᠴᠠᠭᠰᠠᠭ᠋ᠠᠷ ᠢᠷᠡᠪᠡ  ᠃ ᠮᠠᠨ᠎ᠤ ᠣᠷᠣᠨ 2004 ᠣᠨ᠂ 2011 ᠣᠨ ᠪᠠ 2013 ᠣᠨ᠎ᠳᠤ ᠲᠤᠰᠪᠤᠷᠢ᠂ ᠳᠦᠷᠪᠡᠨ ᠪᠦᠯᠦᠭ ᠬᠣᠪᠢᠶᠠᠵᠤ ᠤᠷᠢᠳ ᠬᠤᠵᠢᠳ 405 ᠵᠦᠢ᠍ᠯ᠎ᠤᠨ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠯ᠎ᠢ ᠬᠦᠴᠦᠨ ᠦᠭᠡᠢ ᠪᠣᠯᠭ᠋ᠠᠬᠤ᠂ ᠳᠣᠷᠣᠭᠰᠢ ᠪᠠᠭᠤᠯᠭ᠋ᠠᠬᠤ ᠪᠠ ᠳᠣᠬᠢᠷᠠᠭᠤᠯᠵᠠᠢ᠃ ᠣᠨᠴᠤᠭᠣᠢ᠌ᠯᠠᠨ 2014 ᠣᠨ᠎ᠤ ᠵᠢᠯ᠎ᠤᠨ ᠡᠬᠢᠨ᠎ᠠᠴᠠ ᠨᠠᠰᠢ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠲᠦᠷᠢᠮ᠎ᠤᠨ ᠠᠯᠪᠠᠨ ᠭᠡᠷ ᠪᠠᠰᠠ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠣᠳᠣ ᠵᠢᠨ ᠬᠡᠷᠡᠭᠵᠢᠭᠦᠯᠵᠦ ᠪᠠᠢ᠌ᠭ᠎ᠠ ᠪᠦᠳᠤᠮᠵᠢᠲᠠᠢ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠦᠷᠦᠯ ᠵᠦᠢ᠍ᠯ᠎ᠳᠤ ᠪᠦᠬᠦ ᠲᠠᠯ᠎ᠠ᠎ᠪᠠᠷ᠂ 《  ᠲᠤᠤᠷᠴᠢᠯᠠᠬᠤ ᠮᠠᠶᠢᠭ》᠂ 《ᠢᠯᠡᠴᠢᠯᠡᠬᠦ ᠮᠠᠶᠢᠭ》᠎ᠤᠨ ᠪᠦᠬᠦ ᠲᠠᠯ᠎ᠠ ᠵᠢᠨ ᠴᠡᠪᠡᠷᠯᠡᠭᠡ ᠬᠢᠪᠡ᠃ ᠬᠠᠭ᠋ᠠᠰ ᠵᠢᠯ ᠣᠷᠴᠢᠮ᠎ᠤᠨ ᠬᠠᠲᠠᠭᠤᠵᠢᠯᠲᠠᠢ ᠠᠵᠢᠯᠯᠠᠬᠤ᠎ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠣᠰ ᠱᠠᠲᠤᠨ᠎ᠤ ᠬᠡᠷᠡᠭᠵᠢᠭᠦᠯᠵᠦ ᠪᠠᠢ᠌ᠭ᠎ᠠ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠦᠷᠦᠯ ᠵᠦᠢ᠍ᠯ᠎ᠤᠨ ᠲᠣᠭ᠎ᠠ ᠬᠡᠮᠵᠢᠶ᠎ᠡ ᠵᠢ ᠠᠩᠬ᠎ᠠ ᠤᠳᠠᠭ᠎ᠠ ᠲᠣᠲᠤᠷᠬᠠᠢ ᠮᠡᠳᠡᠪᠠ᠃ 2014 ᠣᠨ᠎ᠤ 5 ᠳ᠋ᠤᠭ᠋ᠠᠷ ᠰᠠᠷ᠎ᠠ ᠪᠠ 7 ᠳ᠋ᠤᠭ᠋ᠠᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠦᠷᠦᠯ ᠵᠦᠢ᠍ᠯ᠎ᠤᠨ ᠦᠯᠡᠳᠡᠭᠡᠬᠦ ᠭᠠᠷᠴᠠᠭ (247 ᠵᠦᠢ᠍ᠯ)᠂ ᠱᠠᠲᠤ   ᠬᠤᠪᠢᠶᠠᠨ ᠵᠦᠪᠰᠢᠶᠠᠷᠡᠬᠦ ᠭᠠᠷᠴᠠᠭ (52 ᠵᠦᠢ᠍ᠯ)᠂ ᠳᠣᠷᠣᠭᠰᠢ ᠪᠠᠭᠤᠯᠭ᠋ᠠᠬᠤ ᠭᠠᠷᠴᠠᠭ (52 ᠵᠦᠢ᠍ᠯ)᠂ ᠬᠦᠴᠦᠨ ᠦᠭᠡᠢ ᠪᠤᠯᠭ᠋ᠠᠬᠤ ᠭᠠᠷᠴᠠᠭ  (10 ᠵᠦᠢ᠍ᠯ)᠎ᠢ 2 ᠬᠤᠪᠢᠶᠠᠨ ᠪᠦᠬᠦ ᠨᠡᠢ᠌ᠭᠡᠮ᠎ᠳᠤ ᠨᠡᠢ᠌ᠳᠡᠯᠡᠵᠦ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠦᠷᠦᠯ ᠵᠦᠢ᠍ᠯ᠎ᠤᠨ ᠪᠦᠷᠢᠨ ᠲᠦᠬᠦᠷ ᠨᠠᠷᠢᠨ ᠳᠠᠩᠰᠠ ᠵᠢ ᠪᠦᠷᠢᠯᠳᠦᠬᠦᠯᠦᠭᠰᠡᠨ ᠪᠠᠢ᠌ᠨ᠎ᠠ᠃ ᠶᠡᠷᠦᠩᠭᠡᠢ ᠰᠠᠢ᠌ᠳ ᠯᠢ ᠺᠧ ᠴᠢᠶᠠᠩ   ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠣᠩᠨᠢᠭᠤᠳ ᠬᠣᠰᠢᠭᠤᠨ᠎ᠤ ᠨᠠᠮ᠎ᠤᠨ ᠬᠣᠷᠢᠶ᠎ᠠ ᠵᠢᠨ ᠬᠥᠮᠥᠵᠢᠯ ᠦᠢ᠍ᠯᠡᠳᠦᠯᠭᠡ ᠵᠢᠨ ᠠᠵᠢᠯᠯᠠᠭ᠋ᠠᠨ᠎ᠤ ᠪᠠᠢ᠌ᠳᠠᠯ᠎ᠤᠨ ᠮᠡᠳᠡᠭᠦᠯᠦᠯᠲᠡ ᠵᠢ ᠰᠣᠨᠣᠰᠬᠤ᠎ᠳᠠᠭᠠᠨ᠂ ᠮᠠᠨ᠎ᠤ ᠣᠷᠣᠨ᠎ᠤ   ᠡᠨᠡᠬᠦ ᠠᠵᠢᠯ᠎ᠢ ᠦᠨᠳᠦᠷ ᠦᠨᠡᠯᠡᠭᠰᠡᠨ ᠪᠠᠢ᠌ᠨ᠎ᠠ᠃
    [ᠬᠦᠲᠦᠯᠦᠭᠴᠢ] ᠨᠢᠳᠤᠨᠤᠨ᠎ᠠᠴᠠ ᠡᠬᠢᠯᠡᠭᠡᠳ ᠪᠦᠬᠦ ᠤᠯᠤᠰ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠳᠦᠷᠢᠮ᠎ᠤᠨ ᠦᠭᠡᠷᠡᠴᠢᠯᠡᠯᠲᠡ ᠵᠢᠨ ᠭᠣᠣᠯᠳᠠᠯᠭ᠎ᠠ ᠵᠢ ᠡᠷᠬᠡ ᠵᠢᠨ ᠨᠠᠷᠢᠨ ᠳᠠᠩᠰᠠ ᠵᠢᠨ ᠳᠦᠷᠢᠮ᠎ᠤᠨ ᠪᠠᠢ᠌ᠭᠤᠯᠤᠯᠲᠠ ᠵᠢᠨ ᠠᠵᠢᠯ ᠳᠡᠭᠡᠷ᠎ᠡ ᠢᠳᠡᠭ ᠢᠳᠡᠭ ᠵᠶ᠋ᠡᠷ ᠰᠢᠯᠵᠢᠭᠦᠯᠪᠠ᠂ ᠡᠨᠡ᠎ᠨᠢ   ᠶᠠᠭ᠋ᠠᠬᠢᠭ᠋ᠠᠳ ᠪᠣᠢ?
    [ᠰᠦᠨ ᠡᠾᠦ᠋ᠢ ᠮᠢᠨ]  2014 ᠣᠨ᠎ᠠᠴᠠ ᠡᠬᠢᠯᠡᠭᠡᠳ᠂ ᠪᠦᠬᠦ ᠤᠯᠤᠰ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ ᠵᠢᠨ ᠪᠠᠢ᠌ᠳᠠᠯ ᠪᠠ ᠡᠭᠦᠷᠭᠡ᠎ᠳᠤ ᠴᠦᠮ ᠯᠤᠳᠤ ᠶᠡᠬᠡ ᠬᠣᠪᠢᠷᠠᠯᠲᠠ ᠭᠠᠷᠴᠠᠢ᠃   ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ᠂ ᠳᠦᠷᠪᠡᠳᠦᠭᠡᠷ   ᠬᠤᠶᠠᠷ   ᠪᠥᠭᠦᠳᠡ ᠬᠤᠷᠠᠯ᠎ᠠᠴᠠ ᠲᠤᠰ ᠥᠭᠡᠷᠡᠴᠢᠯᠡᠯᠲᠡ ᠵᠢᠨ ᠡᠭᠦᠷᠭᠡ᠎ᠳᠤ ᠲᠣᠳᠤᠷᠬᠠᠢ ᠪᠠᠢ᠌ᠷᠢᠯᠠᠭᠤᠯᠤᠯᠲᠠ ᠬᠢᠭᠰᠡᠨ᠎ᠤ ᠬᠠᠮᠲᠤ᠂ ᠪᠦᠬᠦ ᠵᠠᠰᠠᠭ ᠵᠠᠬᠢᠷᠭ᠋ᠠᠨ ᠡᠷᠬᠡ ᠵᠢ ᠵᠢᠷᠤᠮᠵᠢᠭᠤᠯᠬᠤ᠎ᠪᠠᠷ ᠵᠤᠭᠰᠤᠴᠠ᠎ᠪᠠᠨ ᠪᠤᠯᠭ᠋ᠠᠵᠦ᠂ ᠲᠤᠬᠠᠢ᠌ᠯᠠᠪᠠᠯ ᠵᠠᠰᠠᠭ᠎ᠤᠨ ᠣᠷᠳᠣᠨ᠎ᠤ ᠡᠷᠬᠡ ᠵᠢᠨ ᠨᠠᠷᠢᠨ ᠳᠠᠩᠰᠠ ᠵᠢᠨ ᠳᠦᠷᠢᠮ᠎ᠢ ᠬᠡᠷᠡᠭᠵᠢᠭᠦᠯᠪᠡ᠃ ᠢᠩᠬᠢᠵᠦ ᠬᠤᠪᠢᠷᠠᠭᠤᠯᠤᠭᠰᠠᠨ᠎ᠤ ᠰᠢᠯᠲᠠᠭ᠋ᠠᠨ᠎ᠨᠢ ᠭᠡᠪᠡᠯ ᠳᠠᠷᠤᠢ᠂ ᠵᠠᠰᠠᠭ ᠵᠠᠬᠢᠷᠭ᠋ᠠᠨ᠎ᠤ ᠬᠢᠨᠡᠨ ᠵᠥᠪᠰᠢᠶᠡᠷᠡᠬᠦ ᠵᠦᠢ᠍ᠯᠡᠰ᠎ᠢ   ᠵᠦᠪᠭᠡᠨ ᠬᠦᠴᠦᠨ ᠦᠭᠡᠢ ᠪᠣᠯᠭ᠋ᠠᠬᠤ᠂ ᠳᠣᠷᠣᠭᠰᠢ ᠪᠠᠭᠤᠯᠭ᠋ᠠᠬᠤ ᠣᠣᠯ᠎ᠤᠨ ᠲᠡᠷᠡᠬᠦ   ᠠᠷᠭ᠎ᠠ᠎ᠨᠢ ᠨᠢᠭᠡᠨᠲᠡ ᠪᠠᠢ᠌ᠳᠠᠯ᠎ᠤᠨ ᠱᠠᠭ᠋ᠠᠷᠳᠠᠯᠭ᠎ᠠ ᠵᠢ ᠬᠠᠩᠭ᠋ᠠᠵᠤ ᠳᠡᠢ᠌ᠯᠬᠦ᠎ᠪᠠᠨ ᠪᠤᠯᠢᠭ᠋ᠠᠳ᠂ ᠵᠠᠰᠠᠭ᠎ᠤᠨ ᠣᠷᠳᠣᠨ᠎ᠤ ᠡᠷᠬᠡ ᠵᠢᠨ ᠰᠠᠭᠤᠷᠢ ᠲᠤᠭ᠎ᠠ᠎ᠨᠢ ᠲᠣᠳᠣ ᠪᠣᠰᠤ ᠡᠭᠦᠷᠭᠡ ᠬᠠᠷᠢᠭᠤᠴᠠᠯᠭ᠎ᠠ᠎ᠨᠢ ᠲᠣᠳᠣᠷᠬᠠᠢ ᠪᠣᠰᠤ ᠠᠰᠠᠭᠤᠳᠠᠯ᠎ᠨᠢ ᠨᠢᠭᠡᠨᠲᠡ ᠦᠭᠡᠷᠡᠴᠢᠯᠡᠯᠲᠡ ᠬᠥᠭᠵᠢᠯᠲᠡ ᠵᠢ ᠬᠠᠷᠰᠢᠯᠠᠬᠤ ᠬᠠᠮᠣᠭ᠎ᠤᠨ ᠲᠤᠮᠤ ᠪᠤᠭᠤᠮᠢ ᠪᠤᠯᠤᠭᠰᠠᠨ᠎ᠳᠤ ᠪᠠᠢ᠌ᠨ᠎ᠠ᠃   ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠡᠷᠬᠡ ᠵᠢᠨ ᠨᠠᠷᠢᠨ ᠳᠠᠩᠰᠠ ᠵᠢ ᠰᠢᠯᠤᠭᠤᠳᠬᠠᠬᠤ᠂ ᠦᠢ᠍ᠯᠡᠳᠬᠦ᠂ ᠨᠡᠢ᠌ᠲᠡᠯᠡᠬᠦ᠎ᠨᠢ ᠡᠨᠡ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠵᠢᠨ ᠪᠠᠴᠢᠮ ᠡᠭᠦᠷᠭᠡ ᠪᠣᠯᠪᠠ᠃   ᠡᠨᠡᠬᠦ ᠤᠳᠬ᠎ᠠ ᠠᠭᠤᠯᠭ᠎ᠠ᠎ᠠᠴᠠ ᠠᠪᠴᠤ ᠬᠡᠯᠡᠪᠡᠯ᠂ ᠡᠷᠬᠡ ᠵᠢᠨ ᠨᠠᠷᠢᠨ ᠳᠠᠩᠰᠠ ᠵᠢᠨ ᠳᠦᠷᠢᠮ᠎ᠤᠨ ᠠᠵᠢᠯ᠎ᠨᠢ ᠦᠨᠡᠨᠳᠡᠭᠡᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ ᠵᠢᠨ ᠭᠦᠨᠵᠡᠭᠡᠢ᠌ᠷᠡᠯ᠂ ᠤᠷᠲᠤᠳᠬᠠᠯ ᠪᠠ ᠬᠥᠭᠵᠢᠯᠲᠡ ᠪᠣᠯᠣᠨ᠎ᠠ᠃
     [ᠬᠦᠲᠦᠯᠦᠭᠴᠢ] ᠣᠳᠣᠬᠠᠨ᠎ᠳᠤ ᠮᠠᠨ᠎ᠤ ᠣᠷᠣᠨ᠎ᠤ ᠡᠷᠬᠡ ᠵᠢᠨ ᠨᠠᠷᠢᠨ ᠳᠠᠩᠰᠠ ᠵᠢᠨ ᠳᠦᠷᠢᠮ᠎ᠤᠨ   ᠪᠠᠢ᠌ᠭᠤᠯᠤᠯᠲᠠ ᠵᠢᠨ ᠠᠵᠢᠯ᠎ᠤᠨ ᠠᠬᠢᠴᠠ ᠵᠢᠨ ᠪᠠᠢ᠌ᠳᠠᠯ ᠶᠠᠮᠠᠷ ᠪᠠᠢ᠌ᠨ᠎ᠠ ᠪᠤᠢ? ᠪᠦᠬᠦ ᠤᠯᠤᠰ᠎ᠲᠤ ᠠᠪᠴᠤ ᠬᠡᠯᠡᠪᠡᠯ ᠶᠠᠮᠠᠷ ᠪᠠᠢ᠌ᠷᠢᠨ᠎ᠳᠤ ᠪᠠᠢ᠌ᠭ᠎ᠠ ᠪᠤᠢ?
     [ᠰᠦᠨ ᠡᠾᠦ᠋ᠢ ᠮᠢᠨ] 2014 ᠣᠨ᠎ᠤ 7 ᠳ᠋ᠤᠭ᠋ᠠᠷ ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠪᠦᠬᠦ ᠣᠷᠣᠨ᠎ᠳᠤ 《  ᠵᠠᠰᠠᠭ ᠵᠠᠬᠢᠷᠭ᠋ᠠᠨ᠎ᠤ ᠡᠷᠬᠡ ᠵᠢ ᠳᠢᠭᠯᠡᠬᠦ ᠠᠵᠢᠯ᠎ᠢ ᠦᠨᠡᠨᠬᠦ ᠰᠠᠢ᠌ᠳᠦᠷ ᠬᠢᠬᠦ ᠲᠤᠬᠠᠢ ᠮᠡᠳᠡᠭᠳᠡᠯ》 (ᠥᠪᠦᠷ ᠵᠠᠰᠠᠭ ᠲᠠᠷᠬᠠᠭ᠋ᠠᠭᠰᠠᠨ [2014] 80 ᠲᠣᠭ᠋ᠠᠲᠤ) ᠪᠠᠭᠤᠯᠭ᠋ᠠᠵᠦ᠂ ᠡᠭᠦᠨ ᠵᠶ᠋ᠡᠷ ᠡᠬᠢᠯᠡᠯᠲᠡ ᠪᠣᠯᠭ᠋ᠠᠨ᠂ ᠥᠪᠡᠷᠲᠡᠭᠡᠨ ᠵᠠᠰᠠᠬᠤ ᠣᠷᠣᠨ᠎ᠤ ᠡᠷᠬᠡ ᠵᠢᠨ ᠨᠠᠷᠢᠨ ᠳᠠᠩᠰᠠ ᠵᠢᠨ ᠳᠦᠷᠢᠮ᠎ᠤᠨ ᠪᠠᠢ᠌ᠭᠤᠯᠤᠯᠲᠠ ᠵᠢᠨ ᠠᠵᠢᠯ᠎ᠢ ᠪᠦᠬᠦ ᠲᠠᠯ᠎ᠠ᠎ᠪᠠᠷ ᠦᠷᠨᠢᠪᠡ᠃ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠵᠠᠰᠠᠭ ᠵᠠᠬᠢᠷᠭ᠋ᠠᠨ᠎ᠤ ᠡᠷᠬᠡ ᠵᠢ ᠳᠢᠭᠯᠡᠬᠦ ᠲᠣᠳᠤᠯᠠᠬᠤ ᠠᠵᠢᠯ᠎ᠳᠤ᠂   ᠪᠢᠳᠡ ᠥᠩᠭᠡᠷᠡᠭᠰᠡᠨ᠎ᠤ ᠠᠮᠵᠢᠯᠲᠠ᠎ᠲᠠᠢ ᠲᠤᠷᠰᠢᠯᠭ᠎ᠠ ᠪᠠ ᠠᠬ᠎ᠠ ᠳᠡᠭᠦᠦ ᠮᠤᠵᠢ ᠬᠣᠲᠠ ᠵᠢᠨ ᠦᠷ᠎ᠡ ᠪᠦᠲᠦᠮᠵᠢᠲᠠᠢ ᠠᠷᠭ᠎ᠠ ᠵᠢ ᠳ᠋ᠦᠩᠨᠡᠭᠡᠳ᠂ 《ᠭᠤᠷᠪᠠ ᠮᠡᠳᠡᠭᠦᠯᠵᠦ ᠭᠤᠷᠪᠠ ᠪᠭᠤᠯᠭ᠋ᠠᠬᠤ》 ᠬᠢᠨᠠᠨ ᠬᠠᠷᠭᠤᠭᠤᠯᠬᠤ ᠠᠷᠭ᠎ᠠ ᠵᠢ ᠠᠪᠤᠪᠠ᠂   ᠲᠤᠬᠠᠢ᠌ᠯᠠᠪᠠᠯ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠎ᠨᠢ ᠲᠤᠰ ᠰᠠᠯᠠᠭ᠎ᠠ ᠮᠦᠴᠢᠷ᠎ᠤᠨ ᠵᠶ᠋ᠡᠨ ᠳᠢᠭᠯᠡᠭᠰᠡᠨ ᠡᠷᠬᠡ ᠵᠢᠨ ᠨᠠᠷᠢᠨ ᠳᠠᠩᠰᠠ᠎ᠪᠠᠨ ᠠᠯᠢ ᠴᠦᠬᠡᠨ᠎ᠳᠡᠭᠡᠨ ᠭᠤᠷᠪᠠ ᠤᠳᠠᠭ᠎ᠠ ᠥᠪᠡᠷᠲᠡᠭᠡᠨ ᠵᠠᠰᠠᠬᠤ ᠣᠷᠤᠨ᠎ᠤ ᠬᠠᠤᠯᠢ ᠲᠦᠷᠢᠮ᠎ᠤᠨ ᠠᠯᠪᠠᠨ ᠭᠡᠷ᠎ᠲᠤ ᠮᠡᠳᠡᠭᠦᠯᠦᠨ ᠬᠦᠷᠭᠡᠨ᠎ᠡ; ᠡᠭᠦᠨ᠎ᠲᠠᠢ ᠬᠠᠷᠢᠴᠠᠩᠭᠤᠢ᠎ᠪᠠᠷ᠂ ᠥᠪᠡᠷᠲᠡᠭᠡᠨ ᠵᠠᠰᠠᠬᠤ ᠣᠷᠤᠨ᠎ᠤ ᠬᠠᠤᠯᠢ ᠲᠦᠷᠢᠮ᠎ᠤᠨ ᠠᠯᠪᠠᠨ ᠭᠡᠷ᠎ᠨᠢ ᠡᠯ᠎ᠡ ᠲᠢᠩᠬᠢᠮ ᠲᠤᠪᠴᠢᠶ᠎ᠡ᠎ᠳᠤ ᠮᠦᠨᠬᠦ ᠭᠤᠷᠪᠠ ᠤᠳᠠᠭ᠎ᠠ ᠵᠠᠰᠠᠯᠲᠠ ᠬᠢᠬᠦ ᠰᠠᠨᠠᠯ ᠵᠶ᠋ᠡᠨ ᠬᠠᠷᠢᠭᠤ ᠲᠤᠰᠬᠠᠨ᠎ᠠ᠃ 2014 ᠣᠨ᠎ᠤ 11 ᠳ᠋ᠦ᠍ᠭᠡᠷ ᠰᠠᠷ᠎ᠠ ᠵᠢᠨ ᠳᠤᠮᠳᠠᠴᠢ᠎ᠪᠠᠷ᠂ ᠪᠠᠭ᠋ᠠᠲᠤᠷ ᠲᠡᠷᠢᠭᠦᠯᠡᠭᠴᠢ᠎ᠠᠴᠠ᠂ ᠥᠪᠡᠷᠲᠡᠭᠡᠨ ᠵᠠᠰᠠᠬᠤ ᠣᠷᠤᠨ᠎ᠤ ᠲᠤᠰ ᠱᠠᠲᠤᠨ᠎ᠤ ᠡᠷᠬᠡ ᠵᠢᠨ ᠨᠠᠷᠢᠨ ᠳᠠᠩᠰᠠ ᠵᠢᠨ ᠠᠵᠢᠯ᠎ᠢ ᠤᠯᠠᠮ ᠨᠢᠭᠡ ᠠᠯᠬᠤᠮ ᠲᠦᠷᠭᠡᠳᠬᠡᠵᠦ᠂ 2015 ᠣᠨ᠎ᠤ 8 ᠳ᠋ᠤᠭ᠋ᠠᠷ ᠰᠠᠷ᠎ᠠ ᠵᠢᠨ ᠡᠴᠦᠰ᠎ᠲᠤ ᠪᠡᠶᠡᠯᠡᠬᠦᠯᠬᠦ ᠵᠢ ᠤᠷᠢᠳᠴᠢᠯᠠᠭ᠋ᠠᠳ 2014 ᠣᠨ᠎ᠤ 12 ᠳ᠋ᠤᠭ᠋ᠠᠷ ᠰᠠᠷ᠎ᠠ ᠵᠢᠨ ᠡᠴᠤᠰ᠎ᠠᠴᠠ ᠡᠮᠤᠨ᠎ᠡ ᠪᠡᠶᠡᠯᠡᠭᠦᠯᠬᠦ ᠬᠡᠷᠡᠭᠲᠡᠢ ᠭᠡᠵᠦ ᠵᠢᠭ᠋ᠠᠪᠤᠷᠢᠯᠠᠪᠠ᠃ ᠴᠠᠭ ᠪᠠᠴᠢᠮ᠂ ᠡᠭᠦᠷᠭᠡ   ᠬᠥᠨᠳᠦ᠂ ᠠᠵᠢᠯ ᠶᠠᠪᠤᠳᠠᠯ ᠤᠯᠠᠨ᠂ ᠠᠵᠢᠯᠲᠠᠨ ᠴᠥᠭᠡᠨ ᠪᠠᠢ᠌ᠳᠠᠯ ᠳᠤᠤᠷ᠎ᠠ᠂ ᠪᠢᠳᠡ ᠪᠦᠬᠦ ᠬᠥᠴᠦᠨ ᠵᠶ᠋ᠡᠨ ᠰᠢᠪᠬᠠᠨ᠂ ᠡᠯ᠎ᠡ ᠰᠠᠯᠠᠭ᠎ᠠ ᠮᠦᠴᠢᠷ᠎ᠤᠨ ᠬᠦᠷᠭᠡᠵᠦ ᠢᠷᠡᠭᠰᠡᠨ ᠡᠷᠬᠡ ᠵᠢᠨ ᠲᠦᠷᠦᠯ ᠵᠦᠢ᠍ᠯ᠎ᠳᠤ ᠵᠦᠢ᠍ᠯ ᠳᠠᠷᠠᠭ᠋ᠠᠯᠠᠨ ᠬᠠᠷᠭᠤᠭᠤᠯᠤᠯᠳᠠ᠂   ᠬᠢᠨᠠᠨ ᠬᠠᠷᠭᠤᠭᠤᠯᠤᠯᠳᠠ᠂   ᠢᠯᠭ᠋ᠠᠨ ᠲᠣᠳᠣᠯᠠᠯᠲᠠ᠂ ᠨᠤᠳᠠᠯᠠᠨ ᠲᠤᠭᠳᠠᠭ᠋ᠠᠯᠳᠠ ᠬᠢᠪᠠ᠃ ᠬᠣᠶᠠᠷ ᠰᠠᠷ᠎ᠠ ᠰᠢᠬᠠᠮ᠎ᠤᠨ ᠡᠳᠦᠷ ᠰᠦᠨᠢ ᠦᠭᠡᠢ ᠬᠠᠲᠠᠭᠤᠵᠢᠯᠲᠠᠢ ᠠᠵᠢᠯᠯᠠᠬᠤ᠎ᠪᠠᠷ ᠳᠠᠮᠵᠢᠨ᠂ ᠡᠴᠤᠰ᠎ᠲᠡᠭᠡᠨ ᠵᠠᠰᠠᠭ ᠵᠠᠬᠢᠷᠭ᠋ᠠᠨ᠎ᠤ ᠡᠷᠬᠡ ᠵᠢ ᠳᠢᠭᠯᠡᠬᠦ᠂ ᠡᠷᠬᠡ ᠵᠢᠨ ᠨᠠᠷᠢᠨ ᠳᠠᠩᠰᠠ ᠵᠢ ᠪᠠᠢ᠌ᠭᠤᠯᠬᠤ ᠡᠭᠦᠷᠭᠡ ᠵᠢ ᠪᠡᠶᠡᠯᠡᠭᠦᠯᠪᠡ᠂ ᠳᠢᠭᠯᠡᠵᠦ ᠲᠤᠭᠳᠠᠭ᠋ᠠᠭᠰᠠᠨ᠎ᠤ ᠳ᠋ᠦᠩ᠎ᠳᠤ᠄ ᠥᠪᠡᠷᠲᠡᠭᠡᠨ ᠵᠠᠰᠠᠬᠤ ᠣᠷᠣᠨ᠎ᠤ   ᠲᠤᠰ ᠱᠠᠲᠣᠨ᠎ᠳᠤ ᠨᠡᠢ᠌ᠲᠡ 36 ᠰᠠᠯᠠᠭ᠎ᠠ ᠮᠦᠴᠢᠷ ᠪᠠ ᠨᠢᠭᠡᠴᠡ 4274 ᠵᠦᠢ᠍ᠯ  ᠎ᠤᠨ ᠵᠠᠰᠠᠭ ᠵᠠᠬᠢᠷᠭ᠋ᠠᠨ᠎ᠤ ᠡᠷᠬᠡ ᠬᠡᠷᠡᠭᠵᠢᠭᠦᠯᠬᠦ ᠪᠤᠯᠤᠭ᠋ᠠᠳ᠂ ᠮᠠᠨ᠎ᠤ ᠣᠷᠣᠨ᠎ᠨᠢ ᠪᠦᠬᠦ ᠤᠯᠤᠰ᠎ᠤᠨ ᠮᠤᠵᠢ᠂ ᠥᠪᠡᠷᠲᠡᠭᠡᠨ ᠵᠠᠰᠠᠬᠤ ᠣᠷᠣᠨ ᠪᠠ ᠰᠢᠭᠤᠳ ᠬᠠᠷᠢᠶ᠎ᠠ ᠬᠣᠲᠠ   ᠵᠢᠨ ᠳᠤᠳᠤᠷ᠎ᠠ ᠲᠤᠯᠤᠳᠤᠭ᠋ᠠᠷ᠎ᠲᠤ ᠡᠷᠬᠡ ᠵᠢᠨ ᠨᠠᠷᠢᠨ ᠳᠠᠩᠰᠠ᠎ᠪᠠᠨ ᠨᠡᠢ᠌ᠳᠡᠯᠡᠭᠰᠡᠨ ᠣᠷᠣᠨ ᠪᠣᠯᠪᠠ᠃
      [ᠬᠦᠲᠦᠯᠦᠭᠴᠢ] ᠡᠷᠬᠡ ᠵᠢᠨ ᠨᠠᠷᠢᠨ ᠳᠠᠩᠰᠠ ᠵᠢᠨ ᠳᠦᠷᠢᠮ᠎ᠤᠨ ᠪᠠᠢ᠌ᠭᠤᠯᠤᠯᠲᠠ ᠵᠢᠨ ᠡᠭᠦᠷᠭᠡ᠎ᠪᠠᠨ ᠤᠯᠠᠮ ᠰᠠᠢ᠌ᠨ ᠪᠡᠶᠡᠯᠡᠭᠦᠯᠬᠦ ᠵᠢᠨ ᠲᠦᠯᠦᠭᠡ᠂ ᠮᠠᠨ᠎ᠤ ᠣᠷᠣᠨ ᠶᠠᠮᠠᠷ ᠳᠦᠷᠢᠮ᠎ᠤᠨ ᠪᠠᠲᠤᠯᠠᠭ᠎ᠠ ᠵᠢᠨ ᠠᠷᠭ᠎ᠠ ᠬᠡᠮᠵᠢᠶ᠎ᠡ ᠪᠠᠢ᠌ᠨ᠎ᠠ ᠪᠣᠢ?
      [ᠰᠦᠨ ᠡᠾᠦ᠋ᠢ ᠮᠢᠨ]   ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠷᠬᠡ ᠵᠢᠨ ᠨᠠᠷᠢᠨ ᠳᠠᠩᠰᠠ ᠵᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂   ᠪᠢᠳᠡ ᠳᠦᠷᠢᠮ᠎ᠤᠨ ᠪᠠᠢ᠌ᠭᠤᠯᠤᠯᠲᠠ ᠪᠠ ᠪᠠᠳᠤᠯᠠᠭ᠎ᠠ ᠵᠢᠨ ᠠᠷᠭ᠎ᠠ ᠬᠡᠮᠵᠢᠶ᠎ᠡ᠎ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂   ᠳᠡᠭᠡᠳᠤ ᠬᠠᠤᠯᠢ ᠪᠤᠶᠤ ᠳᠡᠭᠡᠳᠤ ᠪᠢᠴᠢᠭ ᠮᠠᠲᠸᠷᠢᠶᠠᠯ᠎ᠤᠨ ᠦᠨᠳᠦᠰᠦᠯᠡᠯ ᠦᠭᠡᠢ ᠮᠦᠷᠳᠡᠭᠡᠨ   ᠪᠠᠰᠠ ᠠᠬ᠎ᠠ ᠳᠡᠭᠦᠦ ᠮᠤᠵᠢ ᠣᠷᠣᠨ ᠬᠣᠲᠠ ᠵᠢᠨ ᠠᠮᠵᠢᠯᠲᠠ᠎ᠲᠠᠢ ᠲᠤᠷᠰᠢᠯᠭ᠎ᠠ ᠪᠠ   ᠬᠠᠤᠯᠢ ᠵᠢᠨ ᠲᠤᠯᠢᠳᠠᠯ ᠦᠬᠡᠢ ᠪᠠᠢ᠌ᠳᠠᠯ ᠳᠣᠣᠷ᠎ᠠ᠂   ᠥᠪᠡᠷ᠎ᠤᠨ ᠲᠤᠰᠬᠠᠢ ᠮᠡᠷᠭᠡᠵᠢᠯ᠎ᠤᠨ ᠬᠦᠴᠦᠨ᠎ᠳᠡᠭᠡᠨ ᠲᠦᠰᠢᠭᠯᠡᠨ ᠦᠩᠭᠡᠷᠡᠭᠰᠡᠨ᠎ᠤ ᠠᠵᠢᠯ᠎ᠤᠨ ᠲᠤᠷᠰᠢᠯᠭ᠎ᠠ ᠎ᠪᠠᠨ ᠳ᠋ᠦᠩᠨᠡᠨ ᠪᠣᠯᠪᠠᠰᠣᠷᠠᠭᠤᠯᠵᠤ᠂ ᠬᠣᠵᠢᠮ᠎ᠤᠨ ᠠᠵᠢᠯ᠎ᠤᠨ ᠴᠢᠭᠯᠡᠯ ᠵᠶ᠋ᠡᠨ ᠣᠷᠢᠳᠴᠢᠯᠡᠨ ᠵᠢᠱ᠌ᠢᠵᠦ᠂ 《ᠥᠪᠦᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠡᠷᠬᠡ ᠵᠢᠨ ᠬᠢᠨᠠᠯᠳᠠ ᠬᠠᠮᠢᠶᠠᠷᠤᠯᠳᠠ ᠵᠢᠨ ᠠᠷᠭ᠎ᠠ (ᠲᠦᠰᠦᠯ)》᠎ᠢ ᠨᠣᠣᠷᠠᠭᠯᠠᠨ ᠪᠢᠴᠢᠵᠦ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠳᠤ ᠬᠢᠨᠠᠨ ᠵᠦᠪᠯᠡᠭᠦᠯᠬᠦ᠎ᠪᠠᠷ ᠳᠡᠪᠰᠢᠭᠦᠯᠪᠠ᠃   ᠡᠨᠡᠬᠦ ᠲᠦᠷᠢᠮ᠎ᠤᠨ ᠲᠦᠰᠦᠯ᠎ᠢ ᠬᠢᠨᠠᠨ ᠵᠦᠪᠯᠡᠭᠡᠳ ᠨᠡᠢ᠌ᠳᠡᠯᠡᠪᠡᠯ᠂ ᠪᠦᠬᠦ ᠤᠯᠤᠰ᠎ᠲᠤ ᠡᠷᠬᠡ ᠵᠢᠨ ᠨᠠᠷᠢᠨ ᠳᠠᠩᠰᠠ ᠵᠢᠨ ᠳᠦᠷᠢᠮ᠎ᠤᠨ   ᠪᠠᠢ᠌ᠭᠤᠯᠤᠯᠲᠠ ᠵᠢᠨ ᠲᠠᠯ᠎ᠠ᠎ᠪᠠᠷ᠎ᠬᠢ ᠠᠩᠬᠠᠳᠤᠭᠴᠢ ᠬᠠᠤᠯᠢ ᠲᠣᠭᠲᠠᠭ᠋ᠠᠯ ᠪᠣᠯᠤᠨ᠎ᠠ  ᠃
     [ᠬᠦᠲᠦᠯᠦᠭᠴᠢ]   ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠤᠰ ᠱᠠᠲᠤᠨ᠎ᠤ ᠡᠷᠬᠡ ᠵᠢᠨ ᠨᠠᠷᠢᠨ ᠳᠠᠩᠰᠠ ᠵᠢ ᠨᠢᠭᠡᠨᠲᠡ ᠪᠡᠶᠡᠯᠡᠭᠦᠯᠦᠭᠰᠡᠨ᠎ᠤ ᠬᠠᠮᠲᠤ ᠨᠡᠢ᠌ᠲᠡᠯᠡᠪᠡ᠂ ᠡᠯ᠎ᠡ ᠠᠢ᠌ᠮᠠᠭ ᠬᠣᠲᠠ᠂ ᠡᠯ᠎ᠡ ᠬᠣᠰᠢᠭᠤ ᠰᠢᠶᠠᠨ᠎ᠤ ᠡᠷᠬᠡ ᠵᠢᠨ ᠨᠠᠷᠢᠨ ᠳᠠᠩᠰᠠ ᠵᠢᠨ ᠠᠵᠢᠯ᠎ᠨᠢ ᠶᠠᠮᠠᠷ ᠪᠠᠢ᠌ᠳᠠᠯ᠎ᠲᠠᠢ ᠪᠠᠢ᠌ᠨ᠎ᠠ ᠪᠣᠢ?
     [ᠰᠦᠨ ᠡᠾᠦ᠋ᠢ ᠮᠢᠨ]   ᠪᠦᠬᠦ ᠣᠷᠣᠨ᠎ᠤ ᠡᠯ᠎ᠡ ᠠᠢ᠌ᠮᠠᠭ ᠬᠣᠲᠠ᠂ ᠡᠯ᠎ᠡ ᠬᠣᠰᠢᠭᠤ ᠰᠢᠶᠠᠨ᠎ᠤ ᠡᠷᠬᠡ ᠵᠢᠨ ᠨᠠᠷᠢᠨ ᠳᠠᠩᠰᠠ ᠵᠢᠨ ᠪᠠᠢ᠌ᠭᠤᠯᠤᠯᠲᠠ ᠵᠢᠨ ᠠᠵᠢᠯ ᠤᠳᠤ ᠨᠢᠭᠡᠨᠲᠡ ᠪᠦᠬᠦ ᠲᠠᠯ᠎ᠠ᠎ᠪᠠᠷ ᠦᠷᠨᠢᠪᠡ᠃ ᠪᠢᠳᠠ ᠡᠯ᠎ᠡ ᠠᠢ᠌ᠮᠠᠭ ᠬᠣᠲᠠ᠂ ᠡᠯ᠎ᠡ ᠬᠣᠰᠢᠭᠤ ᠰᠢᠶᠠᠨ᠎ᠤ ᠡᠨᠡᠬᠦ ᠠᠵᠢᠯ᠎ᠳᠤ ᠬᠤᠶᠠᠷ ᠠᠯᠬᠤᠮ ᠵᠶ᠋ᠠᠷ ᠶᠠᠪᠤᠬᠤ ᠬᠠᠷᠠᠯᠲᠠ ᠪᠠ ᠡᠭᠦᠷᠭᠡ ᠵᠢ ᠲᠤᠷᠠᠳᠪᠠ  ᠄
      ᠨᠢᠭᠡᠳᠦᠭᠡᠷ ᠠᠯᠬᠤᠮ᠎ᠳᠤ᠂ ᠡᠯ᠎ᠡ ᠰᠠᠯᠠᠭ᠎ᠠ ᠮᠦᠴᠢᠷ᠎ᠤᠨ ᠵᠠᠰᠠᠭ ᠵᠠᠬᠢᠷᠭ᠋ᠠᠨ᠎ᠤ ᠡᠷᠬᠡ ᠵᠢ ᠪᠦᠬᠦ ᠲᠠᠯ᠎ᠠ᠎ᠪᠠᠷ ᠳᠢᠭᠯᠡᠬᠦ ᠪᠠ ᠲᠣᠳᠤᠯᠠᠭᠰᠠᠨ ᠰᠠᠭᠤᠷᠢᠨ ᠳᠡᠭᠡᠷ᠎ᠡ᠂ ᠡᠷᠬᠡ ᠵᠢᠨ ᠨᠡᠷᠡᠢ᠌ᠳᠦᠯ᠂   ᠡᠷᠬᠡ ᠲᠣᠭᠲᠠᠭ᠋ᠠᠭᠰᠠᠨ ᠦᠨᠳᠦᠰᠦᠯᠡᠯ᠂ ᠬᠡᠷᠡᠭᠵᠢᠭᠦᠯᠬᠦ   ᠭᠤᠤᠯ ᠴᠣᠭᠴᠠ᠎ᠪᠠᠷ ᠦᠨᠳᠦᠰᠦᠨ ᠬᠦᠴᠦᠨ ᠵᠦᠢ᠍ᠯ ᠪᠣᠯᠭ᠋ᠠᠭᠰᠠᠨ ᠠᠩᠬᠠᠨ᠎ᠤ ᠱᠠᠲᠤᠨ᠎ᠤ ᠡᠷᠬᠡ ᠵᠢᠨ ᠨᠠᠷᠢᠨ ᠳᠠᠩᠰᠠ ᠵᠢ ᠪᠤᠢ ᠪᠣᠯᠭ᠋ᠠᠵᠤ᠂ ᠲᠤᠰᠬᠠᠢ ᠮᠡᠷᠭᠡᠵᠢᠯᠲᠡᠨ ᠵᠶ᠋ᠡᠷ ᠨᠤᠳᠠᠯᠠᠭᠤᠯᠬᠤ᠂ ᠣᠯᠠᠨ ᠲᠦᠮᠡᠨ᠎ᠢ ᠤᠷᠤᠯᠴᠠᠭᠤᠯᠬᠤ᠂ ᠬᠠᠤᠯᠢ ᠶᠤᠰᠤᠨ᠎ᠤ ᠴᠢᠨᠠᠷᠲᠠᠢ ᠬᠢᠨᠠᠨ ᠪᠠᠢ᠌ᠴᠠᠭ᠋ᠠᠬᠤ᠂ ᠬᠠᠮᠲᠤ᠎ᠪᠠᠷ ᠶᠠᠷᠢᠯᠴᠠᠨ ᠲᠤᠭᠳᠠᠭ᠋ᠠᠬᠤ ᠵᠡᠷᠭᠡ ᠬᠠᠤᠯᠢ᠎ᠳᠤ ᠲᠤᠭᠳᠠᠭ᠋ᠠᠭᠰᠠᠨ ᠲᠡᠰ ᠳᠠᠷᠠᠭ᠋ᠠᠯᠠᠯ ᠵᠶ᠋ᠡᠷ ᠳᠠᠮᠵᠢᠭᠰᠠᠨ᠎ᠤ   ᠰᠡᠭᠦᠯᠡᠷ᠂ ᠡᠯ᠎ᠡ ᠠᠢ᠌ᠮᠠᠭ ᠬᠣᠲᠠ᠂ ᠡᠯ᠎ᠡ ᠬᠣᠰᠢᠭᠤ ᠰᠢᠶᠠᠨ ᠎ᠤ ᠵᠠᠰᠠᠭ᠎ᠤᠨ ᠣᠷᠳᠣᠨ᠎ᠠᠴᠠ ᠨᠡᠢ᠌ᠭᠡᠮ ᠨᠡᠢ᠌ᠳᠡ᠎ᠳᠤ ᠨᠡᠢ᠌ᠲᠡᠯᠡᠨ᠎ᠡ᠃ ᠡᠨᠡ ᠪᠤᠯ ᠣᠢ᠌ᠷ᠎ᠠ ᠵᠢᠨ ᠬᠤᠭᠤᠴᠠᠭ᠋ᠠᠨ᠎ᠤ ᠬᠠᠷᠠᠯᠲᠠ ᠮᠦᠨ᠂ 2015 ᠣᠨ᠎ᠤ 6 ᠳ᠋ᠤᠭ᠋ᠠᠷ ᠰᠠᠷ᠎ᠠ ᠵᠢᠨ 30᠎ᠤ ᠡᠳᠦᠷ᠎ᠠᠴᠠ ᠡᠮᠦᠨ᠎ᠡ ᠪᠡᠶᠡᠯᠡᠬᠦᠯᠦᠨ᠎ᠡ᠃ ᠬᠤᠶᠠᠳᠤᠭ᠋ᠠᠷ ᠠᠯᠬᠤᠮ᠎ᠳᠤ᠂ ᠠᠩᠬᠠᠨ᠎ᠤ ᠱᠠᠲᠤᠨ᠎ᠤ ᠡᠷᠬᠡ ᠵᠢᠨ ᠨᠠᠷᠢᠨ ᠳᠠᠩᠰᠠᠨ᠎ᠤ ᠰᠠᠭᠤᠷᠢᠨ ᠳᠡᠭᠡᠷ᠎ᠡ᠂ ᠡᠷᠬᠡ ᠪᠣᠯᠭ᠋ᠠᠨ᠎ᠤ ᠠᠵᠢᠯᠯᠠᠬᠤ ᠲᠡᠰ ᠳᠠᠷᠠᠭ᠋ᠠᠯᠠᠯ᠂ ᠬᠠᠤᠯᠢ ᠴᠠᠭ᠋ᠠᠵᠠ ᠵᠢᠨ ᠬᠠᠷᠢᠭᠤᠴᠠᠯᠭ᠎ᠠ᠂ ᠬᠢᠨᠠᠯᠲᠠ ᠬᠠᠮᠢᠶᠠᠷᠤᠯᠳᠠ   ᠵᠡᠷᠭᠡ ᠴᠢᠬᠤᠯᠠ ᠬᠦᠴᠦᠨ ᠵᠦᠢ᠍ᠯ᠎ᠢ ᠪᠦᠬᠦ ᠲᠠᠯ᠎ᠠ᠎ᠪᠠᠷ᠂ ᠭᠦᠨᠵᠡᠭᠡᠢ ᠰᠤᠳᠤᠯᠬᠤ ᠪᠠ ᠵᠢᠷᠤᠮᠵᠢᠭᠤᠯᠵᠤ᠂ ᠬᠠᠷᠢᠴᠠᠩᠭᠤᠢ ᠪᠦᠬᠦᠢ ᠲᠤᠬᠠᠢ᠌ᠯᠠᠭᠰᠠᠨ ᠠᠵᠢᠯ᠎ᠤᠨ ᠳᠦᠷᠢᠮ᠂ ᠦᠢ᠍ᠯᠡᠴᠢᠯᠡᠭᠡᠨ᠎ᠤ ᠵᠦᠭᠯᠡᠭᠦᠷ᠂ ᠡᠷᠬᠡ ᠵᠢᠨ ᠠᠵᠢᠯᠯᠠᠭ᠋ᠠᠨ᠎ᠤ ᠴᠤᠪᠤᠷᠠᠯ ᠵᠢᠷᠤᠭ᠎ᠢ ᠬᠢᠵᠦ᠂   ᠬᠠᠮᠤᠭ ᠡᠴᠦᠰ᠎ᠲᠤ ᠡᠷᠬᠡ ᠴᠢᠳᠠᠮᠵᠢ᠎ᠪᠠᠷ ᠪᠦᠷᠢᠨ᠂   ᠴᠢᠬᠤᠯᠠ ᠬᠦᠴᠦᠨ ᠵᠦᠢ᠍ᠯ ᠵᠶ᠋ᠡᠷ ᠳᠦᠬᠦᠷ᠂ ᠡᠷᠬᠡ ᠪᠠ ᠬᠠᠷᠢᠭᠤᠴᠠᠯᠭ᠎ᠠ ᠨᠢᠭᠡᠳᠦᠭᠰᠡᠨ᠂ ᠲᠥᠪ ᠬᠣᠷᠢᠶ᠎ᠠ ᠵᠢᠨ ᠱᠠᠭ᠋ᠠᠷᠳᠠᠯᠭ᠎ᠠ ᠪᠠ ᠠᠷᠠᠳ ᠲᠦᠮᠡᠨ᠎ᠤ ᠪᠣᠳᠣᠯ ᠰᠠᠨᠠᠭ᠎ᠠ᠎ᠳᠤ ᠨᠡᠢ᠌ᠴᠡᠭᠰᠡᠨ ᠵᠠᠰᠠᠭ᠎ᠤᠨ ᠣᠷᠳᠣᠨ᠎ᠤ ᠡᠷᠬᠡ ᠵᠢᠨ ᠨᠠᠷᠢᠨ ᠳᠠᠩᠰᠠ ᠵᠢ ᠪᠣᠢ ᠪᠣᠯᠭ᠋ᠠᠨ᠎ᠠ᠃ ᠡᠨᠡ ᠪᠣᠯ ᠬᠣᠯᠠ ᠵᠢᠨ ᠬᠠᠷᠠᠯᠲᠠ ᠮᠦᠨ᠂ 2016 ᠣᠨ᠎ᠤ 6 ᠳ᠋ᠤᠭ᠋ᠠᠷ ᠰᠠᠷ᠎ᠠ ᠵᠢᠨ 30᠎ᠤ ᠡᠳᠦᠷ᠎ᠠᠴᠠ ᠡᠮᠦᠨ᠎ᠡ ᠪᠡᠶᠡᠯᠡᠬᠦᠯᠤᠨ᠎ᠡ᠃
    [ᠬᠦᠲᠦᠯᠦᠭᠴᠢ] ᠡᠷᠬᠡ ᠵᠢᠨ ᠨᠠᠷᠢᠨ ᠳᠠᠩᠰᠠ ᠵᠢᠨ ᠳᠦᠷᠢᠮ᠎ᠤᠨ ᠪᠠᠢ᠌ᠭᠤᠯᠤᠯᠲᠠ ᠵᠢᠨ ᠠᠵᠢᠯ ᠪᠣᠯ ᠨᠢᠭᠡᠨ ᠵᠦᠢ᠍ᠯ᠎ᠤᠨ ᠮᠤᠩᠳᠠᠭ ᠶᠡᠬᠡ ᠰᠢᠰᠲᠸᠮ᠎ᠤᠨ ᠴᠢᠨᠠᠷᠲᠠᠢ ᠢᠨᠵᠧᠨᠧᠷᠢᠩ ᠮᠦᠨ᠂ ᠣᠳᠣᠬᠠᠨ᠎ᠳᠤ ᠪᠢᠳᠡ ᠵᠥᠪᠬᠡᠨ ᠨᠢᠭᠡᠳᠦᠭᠡᠷ ᠠᠯᠬᠤᠮ᠎ᠤᠨ ᠠᠵᠢᠯ᠎ᠢ ᠪᠡᠶᠡᠯᠡᠭᠦᠯᠦᠭᠰᠡᠨ ᠪᠠᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠳᠠᠷᠠᠭ᠋ᠠᠴᠢ ᠵᠢᠨ ᠠᠯᠬᠤᠮ᠎ᠳᠠᠭᠠᠨ ᠶᠠᠮᠠᠷ ᠪᠣᠳᠣᠯ᠎ᠲᠠᠢ ᠪᠠᠢ᠌ᠨ᠎ᠠ ᠪᠣᠢ?
    [ᠰᠦᠨ ᠡᠾᠦ᠋ᠢ ᠮᠢᠨ] ᠣᠳᠣᠬᠠᠨ᠎ᠳᠤ ᠪᠡᠶᠡᠯᠡᠭᠦᠯᠦᠭᠰᠡᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠷᠬᠡ ᠵᠢᠨ ᠨᠠᠷᠢᠨ ᠳᠠᠩᠰᠠ᠎ᠨᠢ ᠵᠥᠪᠬᠡᠨ ᠡᠷᠬᠡ ᠵᠢᠨ ᠨᠡᠷᠡᠢ᠌ᠳᠦᠯ᠂   ᠡᠷᠬᠡ ᠲᠣᠭᠲᠠᠭ᠋ᠠᠭᠰᠠᠨ ᠦᠨᠳᠦᠰᠦᠯᠡᠯ᠂ ᠬᠡᠷᠡᠭᠵᠢᠭᠦᠯᠬᠦ   ᠭᠤᠤᠯ ᠴᠣᠭᠴᠠ ᠵᠡᠷᠭᠡ ᠬᠡᠳᠦᠨ ᠵᠦᠢ᠍ᠯ᠎ᠤᠨ ᠦᠨᠳᠦᠰᠦᠨ ᠬᠦᠴᠦᠨ ᠵᠦᠢ᠍ᠯ ᠪᠠᠢ᠌ᠵᠤ᠂   ᠲᠤᠬᠠᠢ᠌ᠯᠠᠪᠠᠯ ᠡᠮᠦᠨ᠎ᠡ ᠳᠤᠷᠠᠳᠤᠭᠰᠠᠨ ᠠᠩᠬᠠᠨ᠎ᠤ ᠱᠠᠲᠤᠨ᠎ᠤ ᠨᠠᠷᠢᠨ ᠳᠠᠩᠰᠨ ᠯᠠ ᠪᠤᠯᠬᠤ ᠲᠤᠯᠠ᠂ ᠥᠭᠡᠷᠡᠴᠢᠯᠡᠯᠲᠡ ᠵᠢᠨ ᠱᠠᠭ᠋ᠠᠷᠳᠠᠯᠭ᠎ᠠ ᠪᠠ ᠤᠯᠠᠨ ᠲᠦᠮᠡᠨ᠎ᠤ ᠬᠡᠷᠡᠭᠴᠡᠭᠡ ᠵᠢ   ᠪᠦᠷᠢᠨ ᠬᠠᠩᠭ᠋ᠠᠵᠤ ᠳᠡᠢ᠌ᠯᠬᠦ ᠦᠭᠡᠢ ᠶᠤᠮ᠃ ᠳᠠᠷᠠᠭ᠎ᠠ ᠠᠯᠬᠤᠮ᠎ᠳᠠᠭᠠᠨ ᠪᠢᠳᠡ ᠱᠠᠭ᠋ᠠᠷᠳᠠᠬᠤ᠎ᠨᠢ᠂ ᠵᠠᠰᠠᠭ ᠵᠠᠬᠢᠷᠭ᠋ᠠᠨ᠎ᠤ ᠡᠷᠬᠡ᠎ᠲᠠᠢ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠎ᠨᠢ ᠡᠷᠬᠡ ᠵᠢᠨ ᠨᠠᠷᠢᠨ ᠳᠠᠩᠰᠠ ᠵᠢᠨ ᠠᠭᠤᠯᠭ᠎ᠠ ᠵᠢ ᠪᠠᠶᠠᠯᠢᠭᠵᠢᠭᠤᠯᠬᠤ ᠠᠵᠢᠯ᠎ᠠᠴᠠ ᠭᠠᠷᠳᠠᠵᠦ᠂ ᠲᠤᠬᠠᠢ᠌ᠯᠠᠪᠠᠯ ᠲᠤᠰ ᠰᠠᠯᠠᠭ᠎ᠠ ᠮᠦᠴᠢᠷ᠎ᠤᠨ ᠬᠡᠷᠡᠭᠵᠢᠬᠦᠯᠵᠦ ᠪᠠᠢ᠌ᠭ᠎ᠠ ᠡᠷᠬᠡ ᠪᠣᠯᠭ᠋ᠠᠨ᠎ᠢ ᠬᠢᠨᠠᠮᠠᠭ᠋ᠠᠢ ᠰᠤᠳᠤᠯᠤᠨ ᠵᠠᠳᠠᠯᠵᠤ᠂ ᠡᠷᠬᠡ ᠵᠢᠨ ᠠᠵᠢᠯᠯᠠᠭ᠋ᠠᠨ ᠲᠡᠰ ᠳᠠᠷᠠᠭ᠋ᠠᠯᠠᠯ᠂ ᠡᠭᠦᠷᠭᠡᠯᠡᠬᠦ ᠬᠠᠤᠯᠢ ᠴᠠᠭ᠋ᠠᠵᠠ ᠵᠢᠨ ᠬᠠᠷᠢᠭᠤᠴᠠᠯᠭ᠎ᠠ᠂ ᠬᠡᠷᠬᠢᠨ ᠬᠢᠨᠠᠨ ᠬᠠᠮᠢᠶᠠᠷᠬᠤ᠎ᠳᠤ ᠪᠤᠳᠠᠲᠠᠢ ᠠᠷᠭ᠎ᠠ ᠬᠡᠮᠵᠢᠶ᠎ᠡ ᠭᠠᠷᠭ᠋ᠠᠵᠤ᠂ ᠨᠢᠭᠡ ᠲᠠᠯ᠎ᠠ᠎ᠪᠠᠷ ᠨᠢᠭᠡᠨᠲᠡ ᠨᠡᠢ᠌ᠲᠡᠯᠡᠭᠰᠡᠨ ᠨᠠᠷᠢᠨ ᠳᠠᠩᠰᠠ ᠵᠢᠨ ᠠᠭᠤᠯᠭ᠎ᠠ ᠎ᠪᠠᠨ ᠪᠦᠷᠢᠨᠰᠢᠭᠦᠯᠵᠦ᠂ ᠨᠥᠭᠦᠭᠡ ᠲᠠᠯ᠎ᠠ᠎ᠪᠠᠷ ᠪᠤᠳᠠᠳᠤ ᠪᠠᠢ᠌ᠳᠠᠯ ᠵᠶ᠋ᠡᠨ ᠥᠨᠳᠦᠰᠦᠯᠡᠨ ᠬᠠᠷᠢᠴᠠᠩᠭᠤᠢ ᠪᠦᠬᠦᠢ ᠲᠦᠬᠦᠷᠵᠢᠭᠦᠯᠦᠭᠰᠡᠨ ᠪᠢᠴᠢᠭ ᠮᠠᠲᠸᠷᠢᠶᠠᠯ ᠲᠤᠭᠳᠠᠭ᠋ᠠᠵᠦ᠂ ᠨᠡᠢ᠌ᠭᠡᠮ᠎ᠳᠤ ᠬᠠᠮᠲᠤ᠎ᠳᠤᠨᠢ ᠨᠡᠢ᠌ᠲᠡᠯᠡᠨ᠂ ᠡᠷᠬᠡ ᠪᠠ ᠬᠠᠷᠢᠭᠤᠴᠠᠯᠭ᠎ᠠ ᠨᠢᠭᠡᠳᠦᠭᠰᠡᠨ ᠳᠡᠭᠦᠯᠳᠡᠷᠵᠢᠨ ᠪᠣᠯᠪᠠᠰᠤᠷᠠᠭᠰᠠᠨ ᠡᠷᠬᠡ ᠵᠢᠨ ᠨᠠᠷᠢᠨ ᠳᠠᠩᠰᠠ ᠵᠢ ᠪᠤᠢ ᠪᠤᠯᠭ᠋ᠠᠬᠤ ᠬᠡᠷᠡᠭᠲᠠᠢ᠂ ᠦᠨᠡᠨᠳᠡᠭᠡᠨ ᠪᠣᠯ ᠨᠢᠭᠡ ᠬᠠᠷᠢᠭᠤᠴᠠᠯᠭ᠎ᠠ ᠵᠢᠨ ᠨᠠᠷᠢᠨ ᠳᠠᠩᠰᠠᠨ ᠪᠣᠯᠣᠨ᠎ᠠ᠃
      ᠡᠭᠦᠨ᠎ᠠᠴᠠ ᠭᠠᠳᠠᠨ᠎ᠠ᠂ ᠪᠢᠳᠡ ᠪᠠᠰᠠ ᠡᠷᠬᠡ ᠵᠢᠨ ᠨᠠᠷᠢᠨ ᠳᠠᠩᠰᠠ ᠵᠢᠨ ᠪᠦᠲᠦᠴᠡ ᠵᠢ ᠲᠣᠬᠢᠷᠠᠭᠤᠯᠤᠨ ᠰᠢᠯᠢᠳᠡᠭᠵᠢᠭᠦᠯᠬᠦ ᠳᠡᠭᠡᠷ᠎ᠡ ᠬᠦᠴᠤ ᠳᠠᠯᠪᠢᠬᠤ ᠪᠤᠯᠤᠨ᠎ᠠ᠃
      ᠵᠠᠰᠠᠭ ᠵᠠᠬᠢᠷᠭ᠋ᠠᠨ᠎ᠤ ᠡᠷᠬᠡ ᠵᠢ ᠶᠡᠬᠡ ᠲᠥᠯᠦᠪ ᠬᠤᠶᠠᠷ ᠶᠡᠬᠡ ᠲᠦᠷᠦᠯ ᠬᠤᠪᠢᠶᠠᠨ᠎ᠠ᠂ ᠨᠢᠭᠡ ᠲᠦᠷᠦᠯ᠎ᠨᠢ ᠠᠷᠠᠳ ᠢᠷᠭᠡᠳ᠎ᠤᠨ ᠡᠷᠬᠡ ᠠᠰᠢᠭ᠎ᠢ ᠬᠠᠰᠤᠬᠤ ᠪᠤᠶᠤ ᠲᠡᠭᠦᠨ᠎ᠤ ᠡᠭᠦᠷᠭᠡ ᠵᠢ ᠨᠡᠮᠡᠭᠳᠡᠭᠦᠯᠬᠦ ᠡᠷᠬᠡ ᠪᠤᠯᠤᠨ᠎ᠠ᠂ ᠲᠤᠬᠠᠢ᠌ᠯᠠᠪᠠᠯ ᠵᠠᠰᠠᠭ ᠵᠠᠬᠢᠷᠭ᠋ᠠᠨ᠎ᠤ ᠲᠣᠷᠭ᠋ᠠᠭᠤᠯᠢ᠂ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠵᠠᠰᠠᠭ ᠵᠠᠬᠢᠷᠭ᠋ᠠᠨ᠎ᠤ ᠠᠯᠪᠠᠳᠠᠯᠭ᠎ᠠ᠂ ᠵᠠᠰᠠᠭ ᠵᠠᠬᠢᠷᠭ᠋ᠠᠨ᠎ᠤ   ᠭᠠᠢ᠌ᠯᠢ ᠲᠠᠲᠠᠪᠤᠷᠢ ᠵᠡᠷᠭᠡ ᠪᠣᠯᠣᠨ᠎ᠠ  ᠃ ᠨᠦᠭᠦᠭᠡ ᠨᠢᠭᠡ ᠲᠦᠷᠦᠯ᠎ᠨᠢ ᠠᠷᠠᠳ ᠢᠷᠭᠡᠳ᠎ᠤᠨ ᠡᠷᠬᠡ ᠠᠰᠢᠭ᠎ᠢ ᠦᠷᠭᠡᠳᠬᠦ ᠪᠤᠶᠤ ᠲᠡᠳᠡᠨ᠎ᠤ ᠡᠭᠦᠷᠭᠡ ᠵᠢ ᠬᠦᠩᠭᠡᠯᠡᠬᠦ ᠡᠷᠬᠡ ᠪᠤᠯᠤᠨ᠎ᠠ᠂   ᠲᠤᠬᠠᠢ᠌ᠯᠠᠪᠠᠯ ᠵᠠᠰᠠᠭ ᠵᠠᠬᠢᠷᠭ᠋ᠠᠨ᠎ᠤ ᠣᠯᠭᠣᠯᠲᠠ᠂ ᠵᠠᠰᠠᠭ ᠵᠠᠬᠢᠷᠭ᠋ᠠᠨ᠎ᠤ   ᠱᠠᠩᠨᠠᠯ ᠵᠡᠷᠭᠡ   ᠪᠣᠯᠣᠨ᠎ᠠ᠃ ᠰᠡᠭᠦᠯ᠎ᠤᠨ ᠨᠢᠭᠡ ᠲᠦᠷᠦᠯ᠎ᠤᠨ ᠵᠠᠰᠠᠭ ᠵᠠᠬᠢᠷᠭ᠋ᠠᠨ᠎ᠤ ᠡᠷᠬᠡ ᠤᠯᠠᠮ ᠣᠯᠠᠨ ᠪᠣᠯ᠂ ᠵᠠᠰᠠᠭ᠎ᠤᠨ ᠣᠷᠳᠣᠨ᠎ᠤ ᠣᠯᠠᠨ ᠨᠡᠢ᠌ᠲᠡ᠎ᠳᠤ ᠦᠢ᠍ᠯᠡᠴᠢᠯᠡᠬᠦ ᠴᠢᠳᠠᠮᠵᠢ ᠤᠯᠠᠮ ᠴᠢᠩᠭ᠋ᠠᠷᠠᠵᠦ᠂ ᠠᠷᠠᠳ ᠲᠦᠮᠡᠨ᠎ᠳᠤ ᠦᠢ᠍ᠯᠡᠴᠢᠯᠡᠬᠦ ᠲᠥᠪᠰᠢᠨ ᠤᠯᠠᠮ ᠦᠨᠳᠦᠷ ᠪᠤᠯᠤᠭᠰᠠᠨ᠎ᠢ ᠬᠠᠷᠠᠭᠤᠯᠵᠦ᠂ ᠮᠦᠨ ᠴᠦ᠍ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ ᠪᠠ᠂ ᠦᠢ᠍ᠯᠡᠴᠢᠯᠡᠭᠡᠨ᠎ᠤ ᠵᠠᠰᠠᠭ᠎ᠤᠨ ᠣᠷᠳᠣᠨ᠎ᠢ ᠪᠠᠢ᠌ᠭᠤᠯᠬᠤ ᠬᠠᠷᠠᠯᠲᠠ᠎ᠳᠤ ᠤᠯᠠᠮ ᠣᠢ᠌ᠷᠠᠲᠤᠵᠤ ᠪᠤᠢ᠃   ᠢᠢ᠍ᠮᠤ᠎ᠠᠴᠠ ᠡᠷᠬᠡ ᠵᠢᠨ ᠨᠠᠷᠢᠨ ᠳᠠᠩᠰᠠ ᠵᠢᠨ ᠶᠡᠷᠦᠩᠭᠡᠢ ᠲᠣᠭ᠎ᠠ ᠬᠡᠮᠵᠢᠶ᠎ᠡ᠎ᠨᠢ ᠨᠢᠭᠡ ᠱᠠᠲᠤᠨ᠎ᠤ ᠵᠠᠰᠠᠭ᠎ᠤᠨ ᠣᠷᠳᠣᠨ᠎ᠤ ᠬᠠᠤᠯᠢ᠎ᠪᠠᠷ ᠵᠠᠰᠠᠬᠤ ᠲᠥᠪᠰᠢᠨ ᠪᠠ ᠦᠢ᠍ᠯᠡᠴᠢᠯᠡᠭᠡᠨ᠎ᠤ ᠲᠥᠪᠰᠢᠨ᠎ᠢ ᠲᠤᠰᠬᠠᠵᠤ ᠳᠡᠢ᠌ᠯᠬᠦ ᠦᠭᠡᠢ ᠪᠤᠯᠪᠠᠴᠤ᠂ ᠡᠷᠬᠡ ᠵᠢᠨ ᠨᠠᠷᠢᠨ ᠳᠠᠩᠰᠠ ᠵᠢᠨ ᠪᠦᠲᠦᠴᠡ᠎ᠨᠢ ᠬᠠᠷᠢᠨ ᠵᠠᠰᠠᠭ᠎ᠤᠨ ᠣᠷᠳᠣᠨ᠎ᠤ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠥᠪᠰᠢᠨ᠎ᠢ ᠵᠤᠬᠢᠬᠤ ᠬᠡᠮᠵᠢᠶ᠎ᠡ᠎ᠪᠠᠷ ᠲᠤᠰᠬᠠᠵᠤ ᠴᠢᠳᠠᠨ᠎ᠠ᠃ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠷᠬᠡ ᠵᠢᠨ ᠨᠠᠷᠢᠨ ᠳᠠᠩᠰᠠᠨ᠎ᠳᠤ᠂   ᠵᠠᠰᠠᠭ ᠵᠠᠬᠢᠷᠭ᠋ᠠᠨ᠎ᠤ ᠣᠯᠭᠣᠯᠲᠠ ᠪᠠ ᠵᠠᠰᠠᠭ ᠵᠠᠬᠢᠷᠭ᠋ᠠᠨ  ᠎ᠤ ᠰᠠᠩᠨᠠᠯ᠎ᠤᠨ ᠡᠷᠬᠡ ᠵᠢᠨ ᠨᠡᠢ᠌ᠯᠡᠪᠦᠷᠢ ᠵᠢᠨ ᠡᠵᠡᠯᠡᠬᠦ ᠬᠠᠷᠢᠴᠠᠯ᠎ᠨᠢ ᠰᠠᠶᠢ 4.66% ᠪᠠᠢ᠌ᠵᠤ᠂ ᠪᠠᠰᠠ ᠨᠡᠯᠢᠶᠡᠳ ᠳᠣᠣᠷ᠎ᠠ ᠲᠦᠪᠰᠢᠨ᠎ᠳᠤ ᠪᠠᠢ᠌ᠨ᠎ᠠ᠃   ᠬᠤᠢ᠌ᠰᠢᠳᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠪᠠᠰᠠ ᠨᠡᠢ᠌ᠭ᠋ᠠᠮ ᠨᠡᠢ᠌ᠳᠡ᠎ᠳᠤ ᠨᠡᠩ ᠣᠯᠠᠨ ᠠᠰᠢᠭ ᠬᠦᠷᠲᠡᠭᠡᠬᠦ ᠵᠠᠰᠠᠭ ᠵᠠᠬᠢᠷᠭ᠋ᠠᠨ᠎ᠤ ᠣᠯᠭᠣᠯᠲᠠ ᠪᠠ ᠵᠠᠰᠠᠭ ᠵᠠᠬᠢᠷᠭ᠋ᠠᠨ᠎ᠤ ᠱᠠᠩᠨᠠᠯ᠎ᠤᠨ ᠲᠥᠷᠦ ᠵᠢᠨ ᠪᠣᠳᠣᠯᠭ᠎ᠠ ᠵᠢ ᠰᠤᠳᠤᠯᠤᠨ ᠲᠤᠭᠳᠠᠭ᠋ᠠᠵᠦ᠂ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ ᠵᠢᠨ ᠪᠦᠲᠦᠴᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠵᠠᠰᠠᠭ᠎ᠤᠨ ᠣᠷᠳᠣᠨ᠎ᠤ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠴᠢᠳᠠᠮᠵᠢ᠎ᠪᠠᠨ ᠤᠯᠠᠮ ᠰᠠᠢ᠌ᠨ   ᠭᠦᠢ᠍ᠴᠡᠳᠭᠡᠬᠦ ᠪᠤᠯᠤᠨ᠎ᠠ  ᠃
    [ᠬᠦᠲᠦᠯᠦᠭᠴᠢ] ᠵᠠ ᠰᠠᠢ᠌ᠨ ᠪᠤᠯᠤᠯ᠎ᠠ᠂   ᠰᠦᠨ ᠡᠷᠬᠢᠯᠡᠭᠴᠢ ᠵᠢᠨ ᠰᠠᠢ᠌ᠬᠠᠨ ᠬᠠᠷᠢᠭᠤᠯᠳᠠ ᠦᠭᠬᠦᠭᠰᠡᠨ᠎ᠳᠤ ᠲᠠᠯᠠᠷᠬᠠᠯ᠎ᠠ᠂ ᠡᠷᠬᠢᠮ ᠰᠦᠯᠵᠢᠶᠡᠨ᠎ᠤ ᠠᠨᠳᠠ ᠨᠠᠷ᠎ᠤᠨ ᠬᠦᠯᠢᠶᠡᠨ ᠦᠵᠡᠭᠰᠡᠨ᠎ᠳᠤ ᠲᠠᠯᠠᠷᠬᠠᠯ᠎ᠠ᠃ ᠳᠠᠷᠠᠭ᠋ᠠᠴᠢ ᠵᠢᠨ ᠫᠷᠦᠭᠷᠡᠮ᠎ᠳᠠᠭᠠᠨ   ᠪᠠᠶᠠᠷᠲᠠᠢ ᠵᠤᠯᠭ᠋ᠠᠶ᠎ᠠ  !

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠴᠠᠭ ᠲᠤᠬᠢᠶᠠᠯ᠎ᠢ ᠵᠠᠪᠳᠤᠵᠦ ᠰᠢᠨ᠎ᠡ ᠬᠡᠪ ᠪᠠᠢ᠌ᠳᠠᠯ᠎ᠳᠤ ᠵᠤᠬᠢᠴᠠᠭᠤᠯᠤᠨ ᠶᠠᠰᠤ ᠴᠢᠨᠠᠷ᠎ᠲᠤ ᠬᠢᠨᠠᠯᠳᠠ ᠲᠠᠯᠪᠢᠬᠤ ᠠᠵᠢᠯ᠎ᠤᠨ ᠰᠢᠨ᠎ᠡ ᠦᠰᠤᠷᠤᠯᠳᠠ ᠵᠢ ᠪᠡᠶᠡᠯᠡᠭᠦᠯᠬᠦ᠎ᠪᠠᠷ ᠴᠢᠷᠮᠠᠢ᠌ᠶ᠎ᠠ
ᠦᠪᠡᠷᠲᠡᠭᠡᠨ ᠵᠠᠰᠠᠬᠤ ᠣᠷᠣᠨ᠎ᠤ ᠲᠦᠮᠡᠨ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ ᠲᠦᠭ ᠲᠦᠮᠡᠨ ᠵᠶ᠋ᠡᠷ ᠵᠶ᠋ᠡᠨ ᠰᠢᠨ᠎ᠡ ᠵᠢ ᠡᠭᠦᠳᠬᠦ ᠵᠢ ᠠᠬᠢᠭᠤᠯᠤᠭᠰᠠᠨ ᠪᠠᠢ᠌ᠳᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠬᠢᠯᠭ᠋ᠠᠨ ᠱᠠᠲᠤᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠠᠷᠭ᠎ᠠ》 ᠵᠢᠨ ᠲᠠᠢ᠌ᠯᠤᠮᠵᠢ
ᠨᠡᠶ᠋ᠢᠲᠡᠯᠢᠭ ᠵᠢᠱ᠌ᠢᠶ᠎ᠡ᠎ᠪᠠᠷ ᠳᠠᠭ᠋ᠠᠭᠤᠯᠤᠨ ᠭᠣᠣᠯᠳᠠᠯᠭ᠎ᠠ᠎ᠲᠠᠢ᠎ᠪᠠᠷ ᠳᠥᠯᠭᠢᠨ ᠠᠬᠢᠭᠤᠯᠵᠤ ᠤᠯᠠᠭ᠋ᠠᠨᠬᠠᠳᠠ ᠬᠣᠲᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠲᠦᠯᠬᠢᠨ ᠠᠬᠢᠭᠤᠯᠬᠤ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠵᠢᠯ᠎ᠢ ᠭᠦᠨᠵᠡᠭᠡᠢ᠌ᠷᠡᠭᠦᠯᠵᠦ ᠪᠤᠢ
ᠠᠵᠤ ᠠᠬᠤᠶ ᠵᠢᠨ ᠰᠢᠨ᠎ᠡ ᠬᠡᠪ ᠪᠠᠶ᠋ᠢᠳᠠᠯ᠎ᠲᠠᠢ ᠵᠣᠬᠢᠴᠠᠭᠤᠯᠤᠨ ᠬᠢᠨᠠᠨ ᠪᠣᠳᠣᠯᠲᠠ ᠵᠢᠨ ᠰᠢᠨ᠎ᠡ ᠡᠭᠦᠷᠭᠡ ᠬᠠᠷᠢᠭᠤᠴᠠᠯᠭ᠎ᠠ᠎ᠪᠠᠨ ᠬᠦᠢ᠍ᠴᠡᠳᠭᠡᠰᠦᠭᠡᠢ
 
            