ᠰᠤᠷᠪᠤᠯᠵᠢᠯᠠᠭ᠎ᠠ ᠶᠠᠷᠢᠯᠴᠠᠭ᠎ᠠ ᠵᠢᠨ ᠭᠤᠤᠯ ᠰᠡᠳᠤᠪ
ᠴᠠᠭ ᠲᠤᠬᠢᠶᠠᠯ᠎ᠢ ᠵᠠᠪᠳᠤᠵᠦ ᠰᠢᠨ᠎ᠡ ᠬᠡᠪ ᠪᠠᠢ᠌ᠳᠠᠯ᠎ᠳᠤ ᠵᠤᠬᠢᠴᠠᠭᠤᠯᠤᠨ ᠶᠠᠰᠤ ᠴᠢᠨᠠᠷ᠎ᠲᠤ
ᠬᠢᠨᠠᠯᠳᠠ ᠲᠠᠯᠪᠢᠬᠤ ᠠᠵᠢᠯ᠎ᠤᠨ ᠰᠢᠨ᠎ᠡ ᠦᠰᠤᠷᠤᠯᠳᠠ ᠵᠢ ᠪᠡᠶᠡᠯᠡᠭᠦᠯᠬᠦ᠎ᠪᠠᠷ ᠴᠢᠷᠮᠠᠢ᠌ᠶ᠎ᠠ

ᠰᠤᠷᠪᠤᠯᠵᠢᠯᠠᠭᠰᠠᠨ ᠴᠠᠭ᠄ 2015 ᠤᠨ᠎ᠤ 3 ᠳ᠋ᠤᠭ᠋ᠠᠷ ᠰᠠᠷ᠎ᠠ ᠵᠢᠨ 4᠎ᠤ ᠡᠳᠦᠷ᠎ᠤᠨ ᠦᠳᠡ ᠵᠢᠨ ᠡᠮᠦᠨᠡᠬᠢ10᠄ 00 ᠴᠠᠭ
ᠰᠤᠷᠪᠤᠯᠵᠢᠯᠠᠭᠰᠠᠨ ᠵᠤᠴᠢᠨ᠄ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠳᠠ ᠳᠠᠯᠪᠢᠬᠤ ᠲᠤᠪᠴᠢᠶ᠎ᠠ ᠵᠢᠨ ᠳᠡᠳ᠋ ᠳᠤᠭᠤᠷᠢᠨ ᠪᠠᠢ᠌ᠴᠠᠭ᠋ᠠᠭᠴᠢ ᠭᠤᠤ ᠢᠩ ᠵᠢᠶᠸ
ᠰᠤᠷᠪᠤᠯᠵᠢᠯᠠᠭ᠎ᠠ ᠵᠢᠨ ᠲᠤᠪᠴᠢ᠄ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠬᠦᠭᠵᠢᠯᠳᠡ ᠵᠢ ᠠᠬᠢᠭᠤᠯᠬᠤ ᠵᠤᠭᠰᠤᠴᠠ᠎ᠪᠠᠨ ᠶᠠᠰᠤ ᠴᠢᠨᠠᠷ ᠪᠠ ᠦᠷ᠎ᠡ ᠠᠰᠢᠭ᠎ᠢ ᠳᠡᠭᠡᠭᠰᠢᠯᠡᠬᠦᠯᠬᠦ ᠳᠡᠭᠡᠷ᠎ᠡ ᠰᠢᠯᠵᠢᠭᠦᠯᠬᠦ ᠬᠡᠷᠡᠭᠲᠠᠢ ᠬᠡᠵᠦ ᠲᠤᠳᠤᠷᠬᠠᠢ ᠲᠤᠭᠳᠠᠭ᠋ᠠᠭᠰᠠᠨ ᠪᠢᠯᠡ᠃ ᠤᠢ᠌ᠷ᠎ᠠ ᠵᠢᠨ ᠵᠢᠯ᠎ᠳᠤ᠂ ᠦᠪᠡᠷᠳᠡᠭᠡᠨ ᠵᠠᠰᠠᠬᠤ ᠤᠷᠤᠨ᠎ᠤ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠳᠠ ᠲᠠᠯᠪᠢᠬᠤ ᠲᠤᠪᠴᠢᠶ᠎ᠠ᠎ᠨᠢ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ ᠪᠤᠯᠤᠨ ᠤᠯᠤᠰ᠎ᠤᠨ ᠶᠠᠰᠤ ᠴᠢᠨᠠᠷ ᠪᠠᠢ᠌ᠴᠠᠭ᠋ᠠᠬᠤ ᠶᠡᠷᠦᠩᠬᠡᠢ ᠲᠤᠪᠴᠢᠶ᠎ᠠ ᠵᠢᠨ ᠰᠢᠢ᠍ᠳᠪᠤᠷᠢᠳᠤ ᠪᠤᠳᠤᠯᠭ᠎ᠠ ᠵᠢᠨ ᠪᠠᠢ᠌ᠷᠢᠯᠠᠭᠤᠯᠤᠯᠳᠠ ᠵᠢ ᠬᠢᠨᠠᠮᠠᠭ᠋ᠠᠢ ᠲᠤᠤᠱᠯᠠᠭᠤᠯᠤᠨ ᠨᠠᠢ᠌ᠳᠠᠪᠤᠷᠢᠵᠢᠭᠤᠯᠵᠦ᠂ ᠦᠭᠡᠷᠡᠴᠢᠯᠡᠯᠳᠠ ᠬᠢᠵᠦ ᠰᠢᠨ᠎ᠡ ᠵᠢ ᠡᠭᠦᠳᠬᠦ ᠵᠤᠷᠢᠭ ᠰᠠᠨᠠᠭ᠎ᠠ᠎ᠪᠠᠷ ᠶᠠᠰᠤ ᠴᠢᠨᠠᠷ᠎ᠢ ᠠᠳᠬᠤᠵᠦ᠂᠂ ᠠᠮᠤᠷ ᠲᠦᠪᠰᠢᠨ᠎ᠢ ᠪᠠᠳᠤᠯᠠᠵᠦ᠂ ᠬᠦᠭᠵᠢᠯᠳᠡ ᠵᠢ ᠠᠬᠢᠭᠤᠯᠵᠦ᠂ ᠶᠠᠰᠤ ᠴᠢᠨᠠᠷ᠎ᠲᠤ ᠬᠢᠨᠠᠯᠳᠠ ᠳᠠᠯᠪᠢᠬᠤ ᠵᠢ ᠴᠢᠩᠭ᠋ᠠᠷᠠᠭᠤᠯᠤᠭ᠋ᠠᠳ᠂ ᠡᠯ᠎ᠡ ᠲᠦᠷᠦᠯ᠎ᠤᠨ ᠠᠵᠢᠯ ᠢᠯᠠᠳᠳᠠ ᠠᠮᠵᠢᠯᠳᠠ ᠤᠯᠪᠠ᠃ ᠤᠢ᠌ᠷ᠎ᠠ᠎ᠳᠤ᠂ ᠪᠠᠳᠠ ᠦᠪᠡᠷᠳᠡᠭᠡᠨ ᠵᠠᠰᠠᠬᠤ ᠤᠷᠤᠨ᠎ᠤ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠳᠠ ᠳᠠᠯᠪᠢᠬᠤ ᠲᠤᠪᠴᠢᠶ᠎ᠠ ᠵᠢᠨ ᠳᠡᠳ᠋ ᠳᠤᠭᠤᠷᠢᠨ ᠪᠠᠢ᠌ᠴᠠᠭ᠋ᠠᠭᠴᠢ ᠭᠤᠤ ᠢᠩ ᠵᠢᠶᠸ ᠵᠢ ᠤᠷᠢᠵᠦ ᠳᠠᠪᠤᠨ ᠵᠢᠯ᠎ᠤᠨ ᠲᠤᠷᠰᠢᠬᠢ ᠮᠠᠨ᠎ᠤ ᠤᠷᠤᠨ᠎ᠤ ᠶᠠᠰᠤ ᠴᠢᠨᠠᠷ᠎ᠲᠤ ᠬᠢᠨᠠᠯᠳᠠ ᠳᠠᠯᠪᠢᠬᠤ ᠦᠢ᠍ᠯᠡᠰ᠎ᠤᠨ ᠬᠦᠭᠵᠢᠯᠳᠠ ᠵᠢᠨ ᠠᠮᠵᠢᠯᠳᠠ ᠪᠠ ᠲᠠᠷᠠᠭ᠎ᠠ ᠠᠯᠬᠤᠮ᠎ᠤᠨ ᠪᠤᠳᠤᠯᠬᠢᠯᠠᠯ᠎ᠤᠨ ᠲᠠᠯ᠎ᠠ᠎ᠪᠠᠷ ᠰᠦᠯᠵᠢᠶᠡᠨ ᠠᠨᠳᠠ ᠨᠠᠷ᠎ᠲᠠᠢ ᠵᠤᠭᠤᠭᠳᠠᠭᠤᠯᠬᠤ᠎ᠪᠠᠷ ᠪᠤᠯᠪᠠ᠃ ᠰᠦᠯᠵᠢᠶᠡᠨ ᠠᠨᠳᠠ ᠨᠠᠷ᠎ᠤᠨ ᠢᠳᠡᠪᠬᠢᠲᠠᠢ ᠤᠷᠤᠯᠴᠠᠬᠤ ᠵᠢ ᠪᠠᠶᠠᠷᠯᠠᠨ ᠤᠭᠳᠤᠵᠦ ᠪᠠᠢ᠌ᠨᠠᠮ!
[ᠬᠦᠳᠤᠯᠦᠭᠴᠢ] ᠄ ᠰᠦᠯᠵᠢᠶᠡᠨ ᠠᠨᠳᠠ ᠨᠠᠷ ᠰᠠᠢ᠌ᠨ ᠪᠠᠢ᠌ᠴᠠᠭ᠋ᠠᠨᠠᠤ? ᠲᠠ ᠪᠦᠬᠦᠨ᠎ᠤ ᠲᠤᠰ ᠬᠤᠭᠤᠴᠠᠭ᠋ᠠᠨ᠎ᠤ 《ᠳᠤᠮᠳᠠᠳᠤ ᠤᠯᠤᠰ ᠦᠪᠤᠷ ᠮᠤᠩᠭᠤᠯ》 ᠰᠦᠯᠵᠢᠶᠡᠨ᠎ᠤ ᠰᠤᠷᠪᠤᠯᠵᠢᠯᠠᠭ᠎ᠠ ᠶᠠᠷᠢᠯᠴᠠᠭ᠎ᠠ ᠵᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠳᠤᠵᠦ ᠪᠠᠢ᠌ᠨ᠎ᠠ᠃ ᠡᠨᠡ ᠡᠳᠤᠷ ᠪᠢᠳᠠ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠳᠠ ᠳᠠᠯᠪᠢᠬᠤ ᠲᠤᠪᠴᠢᠶ᠎ᠠ ᠵᠢᠨ ᠳᠡᠳ᠋ ᠳᠤᠭᠤᠷᠢᠨ ᠪᠠᠢ᠌ᠴᠠᠭ᠋ᠠᠭᠴᠢ ᠭᠤᠤ ᠢᠩ ᠵᠢᠶᠸ ᠵᠢ ᠤᠷᠢᠵᠦ ᠢᠷᠡᠯ᠎ᠡ᠂ ᠲᠡᠷᠡ ᠮᠠᠨ᠎ᠤ ᠤᠷᠤᠨ᠎ᠤ ᠤᠢ᠌ᠷ᠎ᠠ ᠵᠢᠨ ᠵᠢᠯ᠎ᠳᠤ ᠤᠯᠤᠭᠰᠠᠨ ᠠᠮᠵᠢᠯᠳᠠ ᠪᠦᠳᠤᠭᠡᠯ ᠪᠤᠯᠤᠨ ᠬᠤᠢ᠌ᠰᠢᠳᠠ ᠵᠢᠨ ᠪᠤᠳᠤᠯᠬᠢᠯᠠᠯ ᠵᠶ᠋ᠡᠨ ᠰᠦᠯᠵᠢᠶᠡᠨ ᠠᠨᠳᠠ ᠨᠠᠷ᠎ᠲᠠᠢ ᠵᠤᠭᠤᠭᠳᠠᠬᠤ ᠪᠤᠯᠤᠨ᠎ᠠ᠃ ᠭᠤᠤ ᠳᠤᠭᠤᠷᠢᠨ ᠪᠠᠢ᠌ᠴᠠᠭ᠋ᠠᠭᠴᠢ ᠡ᠂ ᠳᠠᠨ᠎ᠢ ᠪᠠᠶᠠᠷᠯᠠᠨ ᠤᠭᠳᠤᠵᠦ ᠪᠠᠢ᠌ᠨ᠎ᠠ!
[ᠭᠤᠤ ᠢᠩ ᠵᠢᠶᠸ]᠄ ᠬᠦᠳᠤᠯᠦᠭᠴᠢ ᠰᠠᠢ᠌ᠨ ᠤᠤ? ᠰᠦᠯᠵᠢᠶᠡᠨ ᠠᠨᠳᠠ ᠨᠠᠷ ᠰᠠᠢ᠌ᠨ ᠪᠠᠢ᠌ᠴᠠᠭ᠋ᠠᠨᠠᠤ? ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠰᠦᠯᠵᠢᠶ᠎ᠡ᠎ᠪᠠᠷ ᠳᠠᠮᠵᠢᠨ ᠲᠠ ᠪᠦᠬᠦᠨ᠎ᠲᠠᠢ ᠵᠤᠭᠤᠭᠳᠠᠬᠤ ᠪᠤᠯᠤᠭᠰᠠᠨ᠎ᠳᠠᠭᠠᠨ ᠮᠠᠰᠢ ᠪᠠᠶᠠᠷᠯᠠᠵᠦ ᠪᠠᠢ᠌ᠨ᠎ᠠ᠃ ᠰᠦᠯᠵᠢᠶᠡᠨ ᠠᠨᠳᠠ ᠨᠠᠷ ᠮᠠᠨ᠎ᠤ ᠲᠤᠪᠴᠢᠶᠠᠨ᠎ᠤ ᠡᠯ᠎ᠡ ᠲᠦᠷᠦᠯ᠎ᠤᠨ ᠠᠵᠢᠯ᠎ᠢ ᠶᠡᠷᠦ᠎ᠠᠴᠠ ᠬᠠᠯᠠᠮᠵᠢᠯᠠᠨ ᠳᠡᠮᠵᠢᠭᠰᠡᠭᠡᠷ ᠢᠷᠡᠭᠰᠡᠨ᠎ᠳᠤ ᠳᠠᠯᠠᠷᠬᠠᠵᠦ ᠪᠠᠢ᠌ᠨ᠎ᠠ!
[ᠬᠦᠳᠤᠯᠦᠭᠴᠢ]᠄ ᠭᠤᠤ ᠳᠠᠷᠤᠭ᠎ᠠ ᠡ᠂ ᠦᠩᠬᠡᠷᠡᠭᠰᠡᠨ ᠳᠠᠪᠤᠨ ᠵᠢᠯ ᠪᠤᠯ ᠦᠪᠤᠷ ᠮᠤᠩᠭᠤᠯ᠎ᠤᠨ ᠶᠠᠰᠤ ᠴᠢᠨᠠᠷ᠎ᠲᠤ ᠬᠢᠨᠠᠯᠳᠠ ᠳᠠᠯᠪᠢᠬᠤ ᠦᠢ᠍ᠯᠡᠰ᠎ᠤᠨ ᠬᠦᠭᠵᠢᠯᠳᠠ ᠵᠢᠨ ᠳᠡᠤᠬᠡᠨ ᠳᠡᠭᠡᠷᠡᠬᠢ ᠬᠠᠮᠤᠭ᠎ᠤᠨ ᠶᠡᠷᠦ ᠪᠤᠰᠤ ᠵᠢᠨ ᠱᠠᠳᠤ ᠦᠶ᠎ᠡ ᠪᠤᠯᠤᠨ᠎ᠠ᠃ ᠳᠠᠪᠤᠨ ᠵᠢᠯ᠎ᠤᠨ ᠲᠤᠷᠰᠢ᠂ ᠮᠠᠨ᠎ᠤ ᠶᠠᠰᠤ ᠴᠢᠨᠠᠷ᠎ᠲᠤ ᠬᠢᠨᠠᠯᠳᠠ ᠳᠠᠯᠪᠢᠬᠤ ᠲᠤᠪᠴᠢᠶ᠎ᠠ᠎ᠨᠢ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ ᠪᠤᠯᠤᠨ ᠤᠯᠤᠰ᠎ᠤᠨ ᠶᠠᠰᠤ ᠴᠢᠨᠠᠷ ᠪᠠᠢ᠌ᠴᠠᠭ᠋ᠠᠬᠤ ᠶᠡᠷᠦᠩᠬᠡᠢ ᠲᠤᠪᠴᠢᠶ᠎ᠠ ᠵᠢᠨ ᠰᠢᠢ᠍ᠳᠪᠤᠷᠢᠳᠤ ᠪᠤᠳᠤᠯᠭ᠎ᠠ ᠵᠢᠨ ᠪᠠᠢ᠌ᠷᠢᠯᠠᠭᠤᠯᠤᠯᠳᠠ ᠵᠢ ᠬᠢᠨᠠᠮᠠᠭ᠋ᠠᠢ ᠲᠤᠱᠯᠠᠭᠤᠯᠤᠨ ᠨᠠᠢ᠌ᠳᠠᠪᠤᠷᠢᠵᠢᠭᠤᠯᠵᠦ᠂ ᠦᠭᠡᠷᠡᠴᠢᠯᠡᠯᠳᠠ ᠬᠢᠵᠦ ᠰᠢᠨ᠎ᠡ ᠵᠢ ᠡᠭᠦᠳᠬᠦ ᠵᠤᠷᠢᠭ ᠰᠠᠨᠠᠭ᠎ᠠ᠎ᠪᠠᠷ ᠶᠠᠰᠤ ᠴᠢᠨᠠᠷ᠎ᠢ ᠠᠳᠬᠤᠵᠦ᠂ ᠠᠮᠤᠷ ᠲᠦᠪᠰᠢᠨ᠎ᠢ ᠪᠠᠳᠤᠯᠠᠵᠦ᠂ ᠬᠦᠭᠵᠢᠯᠳᠡ ᠵᠢ ᠠᠬᠢᠭᠤᠯᠵᠦ᠂ ᠶᠠᠰᠤ ᠴᠢᠨᠠᠷ᠎ᠲᠤ ᠬᠢᠨᠠᠯᠳᠠ ᠳᠠᠯᠪᠢᠬᠤ ᠵᠢ ᠴᠢᠩᠭ᠋ᠠᠷᠠᠭᠤᠯᠤᠭ᠋ᠠᠳ᠂ ᠡᠯ᠎ᠡ ᠲᠦᠷᠦᠯ᠎ᠤᠨ ᠠᠵᠢᠯ ᠢᠯᠠᠳᠳᠠ ᠠᠮᠵᠢᠯᠳᠠ ᠤᠯᠪᠠ᠃ ᠲᠡᠭᠡᠪᠡᠯ᠂ ᠲᠠ ᠮᠠᠨ᠎ᠤ ᠰᠦᠯᠵᠢᠶᠡᠨ ᠠᠨᠳᠠ ᠨᠠᠷ᠎ᠲᠤ ᠪᠢᠳᠠ ᠶᠠᠮᠠᠷ ᠶᠠᠮᠠᠷ ᠠᠮᠵᠢᠯᠳᠠ ᠤᠯᠤᠭᠰᠠᠨ ᠵᠶ᠋ᠡᠨ ᠶᠠᠷᠢᠭ᠋ᠠᠳ ᠦᠭᠬᠦᠨᠡᠤ?
[ᠭᠤᠤ ᠢᠩ ᠵᠢᠶᠸ]᠄ ᠨᠢᠭᠡ᠎ᠳᠤ ᠶᠡᠷᠤᠩᠬᠡᠢ᠌ᠯᠡᠭᠰᠡᠨ ᠪᠤᠳᠠᠳᠤ ᠬᠦᠴᠤᠨ ᠢᠯᠡᠳᠳᠠ ᠲᠡᠭᠡᠭᠰᠢᠯᠡᠪᠡ᠃ ᠶᠠᠰᠤ ᠴᠢᠨᠠᠷ᠎ᠲᠤ ᠬᠢᠨᠠᠯᠳᠠ ᠲᠠᠯᠪᠢᠬᠤ ᠠᠵᠢᠯ᠎ᠤᠨ ᠬᠦᠷᠢᠶ᠎ᠡ ᠲᠠᠰᠤᠷᠠᠯᠳᠠ ᠦᠬᠡᠢ ᠦᠷᠭᠡᠵᠢᠵᠦ᠂ ᠠᠵᠦ ᠠᠬᠤᠢ ᠨᠡᠢ᠌ᠭᠡᠮ᠎ᠳᠤ ᠦᠢ᠍ᠯᠡᠴᠢᠯᠡᠬᠦ ᠪᠦᠳᠤᠮᠵᠢᠳᠤ ᠴᠢᠨᠠᠷ ᠳᠠᠰᠤᠷᠠᠯᠳᠠ ᠦᠬᠡᠢ ᠨᠡᠮᠡᠭᠳᠡᠵᠦ᠂ ᠠᠵᠢᠯ᠎ᠤᠨ 《ᠬᠡᠮᠵᠢᠶ᠎ᠡ》 ᠪᠠ 《ᠴᠢᠨᠠᠷ》᠎ᠤᠨ ᠲᠤᠬᠠᠢ᠌ᠯᠠᠭᠰᠠᠨ ᠠᠵᠢᠯ᠎ᠤᠨ ᠤᠷᠤᠯᠭ᠎ᠠ ᠶᠡᠬᠡ᠎ᠪᠠᠷ ᠨᠡᠮᠡᠭᠳᠡᠵᠦ᠂ ᠪᠦᠬᠦ ᠰᠢᠰᠲᠸᠮ᠎ᠤᠨ ᠲᠤᠬᠠᠢ᠌ᠯᠠᠭᠰᠠᠨ ᠠᠵᠢᠯ᠎ᠤᠨ ᠤᠷᠤᠯᠭ᠎ᠠ ᠡᠮᠤᠨᠡᠬᠢ 10 ᠵᠢᠯ᠎ᠤᠨ᠎ᠬᠢ᠎ᠠᠴᠠ 2.3 ᠲᠠᠬᠢᠨ ᠪᠤᠯᠪᠠ᠃ ᠰᠠᠭᠤᠷᠢ ᠪᠡᠯᠡᠳᠬᠡᠮᠵᠢ᠂ ᠮᠡᠷᠭᠡᠵᠢᠯ᠎ᠤᠨ ᠲᠤᠨᠤᠭᠯᠠᠯ ᠪᠦᠬᠦ ᠲᠠᠯ᠎ᠠ᠎ᠪᠠᠷ ᠲᠦᠷᠭᠡᠨ ᠰᠠᠢ᠌ᠵᠢᠷᠠᠵᠦ᠂ ᠪᠦᠬᠦ ᠰᠢᠰᠲᠸᠮ᠎ᠤᠨ ᠳᠤᠭᠳᠠᠮᠠᠯ ᠬᠦᠷᠦᠩᠬᠡ᠎ᠳᠤ ᠨᠡᠢ᠌ᠳᠠ 35 ᠳ᠋ᠦᠩᠰᠢᠭᠤᠷ ᠲᠦᠭᠦᠷᠢᠭ ᠤᠷᠤᠭᠤᠯᠵᠦ᠂ ᠡᠮᠤᠨᠡᠬᠢ 10 ᠵᠢᠯ᠎ᠤᠨ᠎ᠬᠢ᠎ᠠᠴᠠ 9 ᠲᠠᠬᠢᠨ ᠤᠷᠴᠢᠮ ᠪᠤᠯᠪᠠ ᠃ ᠤᠯᠤᠰ᠎ᠤᠨ ᠶᠠᠰᠤ ᠴᠢᠨᠠᠷ ᠪᠠᠢ᠌ᠴᠠᠭ᠋ᠠᠬᠤ ᠲᠦᠪ᠂ ᠦᠪᠡᠷᠳᠡᠭᠡᠨ ᠵᠠᠰᠠᠬᠤ ᠤᠷᠤᠨ᠎ᠤ ᠶᠠᠰᠤ ᠴᠢᠨᠠᠷ ᠪᠠᠢ᠌ᠴᠠᠭ᠋ᠠᠬᠤ ᠲᠦᠪ ᠪᠤᠯᠤᠨ ᠲᠤᠮᠤ ᠬᠡᠯᠪᠡᠷᠢ ᠵᠢᠨ ᠰᠢᠯᠭ᠋ᠠᠨ ᠪᠠᠢ᠌ᠴᠠᠭ᠋ᠠᠬᠤ ᠰᠠᠭᠤᠷᠢᠨ ᠭᠠᠵᠠᠷ᠎ᠤᠨ ᠪᠦᠳᠤᠭᠡᠨ ᠪᠠᠢ᠌ᠭᠤᠯᠤᠯᠳᠠ ᠵᠢ ᠶᠡᠬᠡ᠎ᠪᠠᠷ ᠲᠦᠯᠬᠢᠨ ᠠᠬᠢᠭᠤᠯᠵᠦ᠂ ᠤᠯᠤᠰ᠎ᠤᠨ ᠪᠠᠢ᠌ᠭ᠋ᠠᠯᠢ ᠵᠢᠨ ᠬᠡᠢ ᠨᠡᠭᠦᠷᠡᠰᠤᠨᠤ ᠬᠢᠮᠢ ᠵᠢᠨ ᠦᠢ᠍ᠯᠡᠳᠪᠤᠷᠢ ᠵᠢᠨ ᠦᠢ᠍ᠯᠡᠳᠬᠦᠨ᠎ᠤ ᠶᠠᠰᠤ ᠴᠢᠨᠠᠷ᠎ᠢ ᠪᠠᠢ᠌ᠴᠠᠭ᠋ᠠᠬᠤ ᠲᠦᠪ᠂ ᠤᠯᠤᠰ᠎ᠤᠨ ᠬᠤᠳᠠ ᠬᠦᠳᠡᠬᠡ ᠵᠢᠨ ᠡᠨ᠋ᠸᠷᠬᠢ᠎ᠤᠨ ᠬᠡᠮᠵᠢᠯᠳᠡ ᠵᠢᠨ ᠲᠦᠪ ᠢᠯᠡᠷᠬᠡᠢ᠌ᠯᠡᠯ ᠡᠯᠭᠦᠨ ᠠᠵᠢᠯᠯᠠᠪᠠ᠃ ᠮᠠᠨ᠎ᠤ ᠤᠷᠤᠨ᠎ᠤ ᠶᠠᠰᠤ ᠴᠢᠨᠠᠷ᠎ᠲᠤ ᠬᠢᠨᠠᠯᠳᠠ ᠲᠠᠯᠪᠢᠬᠤ ᠰᠢᠰᠲᠸᠮ᠎ᠤᠨ ᠰᠠᠭᠤᠷᠢ ᠨᠢᠮᠭᠡᠨ᠂ ᠰᠠᠭᠤᠷᠢ ᠪᠠᠷᠤᠭᠲᠠᠢ᠂ ᠲᠤᠨᠤᠭᠯᠠᠯ ᠬᠤᠴᠤᠷᠤᠩᠭᠤᠢ ᠪᠠᠢ᠌ᠭᠰᠠᠨ ᠪᠠᠢ᠌ᠳᠠᠯ ᠦᠨᠳᠤᠰᠤᠨ᠎ᠳᠡᠭᠡᠨ ᠰᠠᠢ᠌ᠵᠢᠷᠠᠪᠠ᠃
[ᠭᠤᠤ ᠢᠩ ᠵᠢᠶᠸ]᠄ ᠬᠤᠶᠠᠷ᠎ᠲᠤ ᠶᠠᠰᠤ ᠴᠢᠨᠠᠷ ᠵᠶ᠋ᠡᠷ ᠤᠷᠤᠨ ᠵᠶ᠋ᠡᠨ ᠮᠠᠨᠳᠤᠭᠤᠯᠬᠤ ᠠᠵᠢᠯ ᠯᠠᠪᠳᠠᠭᠤᠨ ᠪᠠᠳᠤᠲᠠᠢ ᠠᠬᠢᠪᠠ᠃ 《ᠶᠠᠰᠤ ᠴᠢᠨᠠᠷ᠎ᠤᠨ ᠬᠦᠭᠵᠢᠭᠦᠯᠦᠯᠳᠠ ᠵᠢᠨ ᠲᠤᠪᠴᠢ》 ᠵᠢ ᠬᠦᠨᠵᠡᠭᠡᠢ ᠲᠤᠤᠱᠯᠠᠭᠤᠯᠤᠨ ᠨᠠᠢ᠌ᠳᠠᠪᠤᠷᠢᠵᠢᠭᠤᠯᠵᠦ᠂ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ ᠶᠠᠰᠤ ᠴᠢᠨᠠᠷ᠎ᠤᠨ ᠠᠵᠢᠯ᠎ᠤᠨ ᠠᠵᠢᠯᠯᠠᠭ᠋ᠠᠨ᠎ᠤ ᠲᠦᠯᠦᠪᠯᠡᠭᠡ ᠲᠤᠭᠳᠠᠭ᠋ᠠᠵᠦ᠂ ᠪᠦᠬᠦ ᠤᠷᠤᠨ᠎ᠤ ᠡᠯ᠎ᠡ ᠭᠠᠵᠠᠷ ᠶᠠᠰᠤ ᠴᠢᠨᠠᠷ ᠵᠶ᠋ᠡᠷ ᠠᠢ᠌ᠮᠠᠭ ᠬᠤᠳᠠ᠎ᠪᠠᠨ ᠮᠠᠨᠳᠤᠭᠤᠯᠬᠤ ᠠᠵᠢᠯᠯᠠᠭ᠎ᠠ ᠵᠢ ᠨᠡᠢ᠌ᠳᠡᠮ ᠦᠷᠨᠢᠬᠦᠯᠪᠠ᠃ ᠦᠪᠡᠷᠳᠡᠭᠡᠨ ᠵᠠᠰᠠᠬᠤ ᠤᠷᠨᠤ ᠲᠡᠷᠢᠬᠦᠯᠡᠭᠴᠢ ᠵᠢᠨ ᠶᠠᠰᠤ ᠴᠢᠨᠠᠷ᠎ᠤᠨ ᠱᠠᠩᠨᠠᠯ᠎ᠢ ᠪᠠᠢ᠌ᠭᠤᠯᠵᠦ᠂ 9 ᠠᠢ᠌ᠮᠠᠭ ᠬᠤᠳᠠ ᠴᠤ᠌ ᠵᠠᠰᠠᠭ᠎ᠤᠨ ᠤᠷᠳᠤᠨ᠎ᠤ ᠶᠠᠰᠤ ᠴᠢᠨᠠᠷ᠎ᠤᠨ ᠱᠠᠩᠨᠠᠯ ᠪᠠᠢ᠌ᠭᠤᠯᠤᠭ᠋ᠠᠳ᠂ ᠡᠯ᠎ᠡ ᠱᠠᠳᠤᠨ᠎ᠤ ᠵᠠᠰᠠᠭ᠎ᠤᠨ ᠤᠷᠳᠤᠨ᠎ᠤ ᠶᠠᠰᠤ ᠴᠢᠨᠠᠷ ᠤᠨ ᠬᠦᠭᠵᠢᠬᠦᠯᠦᠯᠳᠡ ᠵᠢᠨ ᠭᠤᠤᠯᠯᠠᠬᠤ ᠦᠢ᠍ᠯᠡᠳᠤᠯ᠎ᠢ᠎ᠨᠢ ᠢᠯᠡᠳᠳᠠ ᠳᠡᠭᠡᠭᠰᠢᠯᠡᠭᠦᠯᠪᠠ᠃ ᠨᠡᠷᠡᠳᠤ ᠲᠡᠮᠳᠡᠭ᠎ᠤᠨ ᠪᠠᠢ᠌ᠯᠳᠤᠬᠤ ᠪᠤᠳᠤᠯᠭ᠎ᠠ ᠵᠢ ᠬᠦᠨᠵᠡᠭᠡᠢ ᠬᠡᠷᠡᠭᠵᠢᠬᠦᠯᠵᠦ᠂ 412 ᠦᠢ᠍ᠯᠡᠳᠬᠦᠨ ᠦᠪᠤᠷ ᠮᠤᠩᠭᠤᠯ᠎ᠤᠨ ᠨᠠᠷᠠᠳᠤ ᠦᠢ᠍ᠯᠡᠳᠬᠦᠨ ᠵᠶ᠋ᠡᠷ ᠦᠨᠡᠯᠡᠭᠳᠡᠪᠠ᠃ ᠪᠢᠳᠡ ᠢᠳᠡᠭᠡᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠬᠢᠨᠠᠨ ᠬᠠᠮᠢᠶᠠᠷᠬᠤ ᠡᠷᠬᠡ ᠴᠢᠳᠠᠮᠵᠢ᠎ᠪᠠᠨ ᠭᠦᠢ᠍ᠴᠡᠳᠭᠡᠬᠦ ᠬᠤᠭᠤᠴᠠᠭ᠋ᠠᠨ᠎ᠳᠤ᠂ 《ᠭᠡᠮ ᠦᠬᠡᠢ ᠰᠦᠨ ᠲᠠᠯᠬ᠎ᠠ ᠵᠢ ᠦᠪᠤᠷ ᠮᠤᠩᠭᠤᠯ ᠡᠬᠢᠯᠡᠨ ᠬᠢᠬᠦ》 ᠠᠵᠢᠯᠯᠠᠭ᠎ᠠ ᠵᠢ ᠪᠦᠬᠦ ᠤᠯᠤᠰ᠎ᠲᠤ ᠲᠡᠷᠢᠬᠦᠯᠡᠨ ᠦᠷᠨᠢᠬᠦᠯᠵᠦ᠂ ᠦᠨᠳᠤᠰᠤᠳᠡᠨ᠎ᠤ ᠴᠠᠭ᠋ᠠᠨ ᠢᠳᠡᠭᠡᠨ᠎ᠤ ᠲᠠᠯ᠎ᠠ᠎ᠪᠠᠷ᠎ᠬᠢ ᠢᠳᠡᠭᠡᠯ᠎ᠢ᠎ᠨᠢ ᠨᠡᠮᠡᠭᠳᠡᠭᠦᠯᠪᠠ᠃ ᠤᠷᠳᠤᠰ ᠬᠤᠳᠠ᠎ᠨᠢ ᠪᠦᠬᠦ ᠤᠷᠤᠨ᠎ᠤ ᠲᠡᠷᠢᠬᠦᠨ ᠡᠷᠤᠬᠡ ᠤᠯᠤᠰ᠎ᠤᠨ ᠢᠳᠡᠭᠡᠨ᠎ᠤ ᠦᠢ᠍ᠯᠡᠳᠪᠤᠷᠢᠯᠡᠯ᠎ᠤᠨ ᠶᠠᠰᠤ ᠴᠢᠨᠠᠷ᠎ᠤᠨ ᠠᠮᠤᠷ ᠲᠦᠪᠰᠢᠨ᠎ᠤ ᠦᠯᠢᠭᠡᠷ ᠳᠠᠭᠤᠷᠢᠶᠠᠯ᠎ᠤᠨ ᠬᠤᠳᠠ ᠵᠢ ᠡᠭᠦᠳᠤᠨ ᠪᠠᠢ᠌ᠭᠤᠯᠤᠭᠰᠠᠨ ᠭᠠᠵᠠᠷ ᠤᠷᠤᠨ ᠪᠤᠯᠪᠠ᠃ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠶᠠᠰᠤ ᠴᠢᠨᠠᠷ᠎ᠤᠨ ᠠᠵᠢᠯ᠎ᠤᠨ ᠬᠢᠨᠠᠨ ᠰᠢᠯᠭ᠋ᠠᠬᠤ ᠲᠤᠭᠳᠠᠴᠠ ᠵᠢ ᠪᠠᠢ᠌ᠭᠤᠯᠬᠤ ᠵᠢ ᠠᠬᠢᠭᠤᠯᠵᠦ᠂ ᠶᠠᠰᠤ ᠴᠢᠨᠠᠷ᠎ᠤᠨ ᠬᠦᠭᠵᠢᠬᠦᠯᠦᠯᠳᠡ ᠵᠢᠨ ᠲᠦᠯᠦᠪᠵᠢᠭᠦᠯᠬᠡ᠂ ᠬᠡᠮᠵᠢᠯᠳᠠ ᠵᠢᠨ ᠬᠦᠭᠵᠢᠭᠦᠯᠦᠯᠳᠠ ᠵᠢᠨ ᠲᠦᠯᠦᠪᠵᠢᠭᠦᠯᠬᠡ ᠵᠢ ᠦᠪᠡᠷᠳᠡᠭᠡᠨ ᠵᠠᠰᠠᠬᠤ ᠤᠷᠤᠨ᠎ᠤ 《ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠦᠯᠦᠪᠯᠡᠭᠡ》 ᠵᠢᠨ ᠬᠤᠭᠤᠴᠠᠭ᠋ᠠᠨ᠎ᠤ ᠤᠯᠤᠰ ᠠᠷᠠᠳ᠎ᠤᠨ ᠠᠵᠦ ᠠᠬᠤᠢ ᠪᠤᠯᠤᠨ ᠨᠡᠢ᠌ᠭᠡᠮ᠎ᠤᠨ ᠬᠦᠭᠵᠢᠬᠦᠯᠦᠯᠳᠡ ᠵᠢᠨ ᠨᠢᠭᠡᠳᠤᠭᠡᠷ ᠲᠦᠷᠦᠯ᠎ᠤᠨ ᠲᠦᠯᠦᠪᠵᠢᠭᠦᠯᠬᠡ᠎ᠳᠤ ᠤᠷᠤᠭᠤᠯᠵᠦ᠂ ᠲᠤᠯᠭ᠋ᠠᠭᠤᠷᠢ ᠠᠵᠦ ᠦᠢ᠍ᠯᠡᠰ᠎ᠤᠨ ᠪᠠᠷᠢᠮᠵᠢᠶᠠᠵᠢᠭᠤᠯᠤᠯᠳᠠ ᠵᠢᠨ ᠪᠠᠢ᠌ᠭᠤᠯᠤᠯᠳᠠ᠂ ᠦᠢ᠍ᠯᠡᠳᠬᠦᠨ᠎ᠢ ᠰᠢᠯᠭ᠋ᠠᠨ ᠬᠡᠮᠵᠢᠬᠦ ᠤᠯᠠᠨ ᠨᠡᠢ᠌ᠳᠡ ᠵᠢᠨ ᠲᠠᠪᠴᠠᠩ᠎ᠤᠨ ᠪᠠᠢ᠌ᠭᠤᠯᠤᠯᠳᠠ ᠵᠢ ᠶᠡᠷᠦᠩᠬᠡᠢ᠌ᠯᠡᠭᠰᠡᠨ ᠴᠢᠨᠠᠷᠲᠠᠢ ᠬᠤᠶᠠᠳᠤᠭ᠋ᠠᠷ ᠲᠦᠷᠦᠯ᠎ᠤᠨ ᠲᠦᠯᠦᠪᠵᠢᠭᠦᠯᠭᠡ᠎ᠳᠤ ᠤᠷᠤᠭᠤᠯᠤᠭ᠋ᠠᠳ᠂ ᠲᠦᠷᠦ ᠵᠢᠨ ᠪᠤᠳᠤᠯᠭ᠎ᠠ ᠵᠢᠨ ᠲᠠᠯ᠎ᠠ᠎ᠪᠠᠷ ᠶᠠᠰᠤ ᠴᠢᠨᠠᠷ᠎ᠤᠨ ᠠᠵᠢᠯ᠎ᠳᠤ ᠨᠡᠩ ᠦᠷᠭᠡᠨ ᠳᠡᠯᠭᠡᠷ ᠲᠠᠪᠴᠠᠩ ᠤᠯᠭᠤᠪᠠ᠃
[ᠭᠤᠤ ᠢᠩ ᠵᠢᠶᠸ]᠄ ᠭᠤᠷᠪᠠ᠎ᠳᠤ ᠶᠠᠰᠤ ᠴᠢᠨᠠᠷ᠎ᠤᠨ ᠰᠠᠭᠤᠷᠢ ᠠᠵᠢᠯ ᠪᠦᠬᠦ ᠲᠠᠯ᠎ᠠ᠎ᠪᠠᠷ ᠴᠢᠩᠭ᠋ᠠᠳᠪᠠ᠃ ᠪᠠᠷᠢᠮᠵᠢᠶᠠᠵᠢᠭᠤᠯᠤᠯᠳᠠ ᠵᠢᠨ ᠪᠠᠢ᠌ᠯᠳᠤᠬᠤ ᠪᠤᠳᠤᠯᠭ᠎ᠠ ᠵᠢ ᠲᠦᠷᠭᠡᠨ ᠬᠡᠷᠡᠭᠵᠢᠬᠦᠯᠵᠦ᠂ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠠᠴᠠ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠠᠷᠢᠮᠵᠢᠶᠠᠵᠢᠭᠤᠯᠤᠯᠳᠠ ᠵᠢᠨ ᠠᠵᠢᠯ᠎ᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠲᠦᠯᠦᠪᠯᠡᠬᠡ》 ᠵᠢ ᠨᠡᠢ᠌ᠳᠡᠯᠡᠬᠦ ᠵᠢ ᠠᠬᠢᠭᠤᠯᠪᠠ; ᠪᠠᠷᠢᠮᠵᠢᠶᠠᠵᠢᠭᠤᠯᠤᠯᠳᠠ ᠵᠢᠨ ᠠᠷᠭ᠎ᠠ ᠪᠠᠷᠢᠯ ᠵᠶ᠋ᠡᠷ ᠦᠨᠳᠤᠰᠤᠳᠡᠨ᠎ᠤ ᠤᠯᠠᠮᠵᠢᠯᠠᠯᠳᠤ ᠰᠤᠶᠤᠯ᠎ᠢ ᠬᠠᠮᠠᠭ᠋ᠠᠯᠠᠨ ᠤᠯᠠᠮᠵᠢᠯᠠᠵᠦ᠂ 《ᠮᠤᠩᠭᠤᠯ ᠦᠨᠳᠤᠰᠤᠳᠡᠨ᠎ᠤ ᠠᠢ᠌ᠮᠠᠭ ᠪᠦᠯᠦᠭ᠎ᠤᠨ ᠬᠤᠪᠴᠠᠰᠤ ᠵᠠᠰᠠᠯ》᠂ 《ᠦᠪᠤᠷ ᠮᠤᠩᠭᠤᠯ᠎ᠤᠨ ᠮᠤᠩᠭᠤᠯ ᠢᠳᠡᠭᠡᠨ》᠎ᠤ ᠪᠠᠷᠢᠮᠵᠢᠶ᠎ᠠ᠎ᠨᠢ ᠤᠯᠤᠰ᠎ᠲᠤ ᠬᠤᠭᠤᠰᠤᠨ ᠪᠠᠢ᠌ᠭᠰᠠᠨ᠎ᠢ ᠨᠦᠬᠦᠪᠤᠷᠢᠯᠡᠪᠡ᠃ ᠬᠡᠮᠵᠢᠯᠳᠠ ᠵᠢᠨ ᠮᠡᠷᠭᠡᠵᠢᠯ᠎ᠤᠨ ᠰᠠᠭᠤᠷᠢ ᠤᠯᠠᠮ ᠴᠢᠩᠭ᠋ᠠᠳᠴᠤ᠂ ᠠᠷᠠᠳ᠎ᠤᠨ ᠠᠮᠢᠳᠤᠷᠠᠯ᠎ᠤᠨ ᠬᠡᠮᠵᠢᠯᠳᠡ ᠬᠦᠨᠵᠡᠬᠡᠢ ᠠᠬᠢᠵᠦ᠂ ᠡᠨ᠋ᠸᠷᠬᠢ ᠵᠢᠨ ᠬᠡᠮᠵᠢᠯᠳᠡ ᠴᠢᠩᠭ᠋ᠠᠷᠠᠵᠦ᠂ ᠪᠦᠬᠦ ᠤᠷᠤᠨ᠎ᠤ ᠬᠡᠮᠵᠢᠯᠳᠡ ᠵᠢᠨ ᠮᠡᠷᠭᠡᠵᠢᠯ᠎ᠤᠨ ᠪᠠᠳᠤᠯᠠᠭ᠎ᠠ ᠵᠢᠨ ᠰᠢᠰᠲᠸᠮ ᠲᠠᠰᠤᠷᠠᠯᠳᠠ ᠦᠬᠡᠢ ᠲᠡᠭᠦᠯᠳᠡᠷᠵᠢᠪᠠ᠃ ᠰᠢᠯᠭ᠋ᠠᠨ ᠪᠠᠢ᠌ᠴᠠᠭ᠋ᠠᠬᠤ ᠰᠢᠯᠭ᠋ᠠᠨ ᠬᠡᠮᠵᠢᠬᠦ ᠴᠢᠳᠠᠪᠤᠷᠢ ᠢᠯᠠᠳᠳᠠ ᠨᠡᠮᠡᠭᠳᠡᠵᠦ᠂ ᠰᠢᠯᠭ᠋ᠠᠨ ᠪᠠᠢ᠌ᠴᠠᠭ᠋ᠠᠬᠤ ᠲᠦᠷᠦᠯ ᠵᠦᠢ᠍ᠯ᠎ᠢ ᠰᠢᠨ᠎ᠡ᠎ᠪᠠᠷ1506 ᠲᠦᠷᠦᠯ ᠨᠡᠮᠡᠭᠳᠡᠬᠦᠯᠵᠦ᠂ 《ᠪᠠᠢ᠌ᠴᠠᠭ᠋ᠠᠵᠦ ᠳᠡᠢ᠌ᠯᠬᠦ ᠦᠬᠡᠢ᠂ ᠪᠠᠢ᠌ᠴᠠᠭ᠋ᠠᠵᠦ ᠭᠠᠷᠬᠤ ᠦᠬᠡᠢ᠂ ᠲᠦᠷᠭᠡᠨ ᠪᠠᠢ᠌ᠴᠠᠭ᠋ᠠᠬᠤ ᠦᠬᠡᠢ᠂ ᠤᠨᠤᠪᠴᠢᠲᠠᠢ ᠪᠠᠢ᠌ᠴᠠᠭ᠋ᠠᠬᠤ ᠦᠬᠡᠢ》 ᠪᠠᠢ᠌ᠭᠰᠠᠨ 《ᠲᠤᠮᠤ ᠬᠦᠴᠢᠷ》 ᠶᠠᠪᠤᠳᠠᠯ᠎ᠢ ᠢᠯᠠᠳᠳᠠ ᠰᠠᠢ᠌ᠵᠢᠷᠠᠭᠤᠯᠪᠠ᠃ ᠬᠡᠷᠡᠴᠢᠯᠡᠬᠦ ᠵᠦᠪᠰᠢᠶᠡᠷᠡᠬᠦ ᠠᠵᠢᠯ᠎ᠳᠠᠬᠢ ᠬᠢᠨᠠᠯᠳᠠ ᠬᠠᠮᠢᠶᠠᠷᠤᠯᠳᠠ ᠲᠠᠰᠤᠷᠠᠯᠳᠠ ᠦᠬᠡᠢ ᠴᠢᠩᠭ᠋ᠠᠳᠴᠤ᠂ ᠬᠠᠮᠢᠶ᠎ᠠ ᠪᠦᠬᠦᠢ ᠠᠵᠦ ᠠᠬᠤᠢ᠌ᠯᠠᠯ ᠪᠤᠯᠤᠨ ᠰᠢᠯᠭ᠋ᠠᠨ ᠪᠠᠢ᠌ᠴᠠᠭ᠋ᠠᠬᠤ ᠰᠢᠯᠭ᠋ᠠᠨ ᠬᠡᠮᠵᠢᠬᠦ ᠪᠠᠢ᠌ᠭᠤᠯᠤᠮᠵᠢ ᠵᠢᠨ ᠲᠦᠷᠢᠮᠵᠢᠭᠦᠯᠦᠨ ᠠᠵᠢᠯᠯᠠᠬᠤ ᠵᠢ ᠠᠬᠢᠭᠤᠯᠪᠠ; ᠤᠷᠭ᠋ᠠᠨᠢᠭ ᠦᠢ᠍ᠯᠡᠳᠬᠦᠨ᠎ᠢ ᠬᠡᠷᠡᠴᠢᠯᠡᠬᠦ ᠦᠯᠢᠭᠡᠷ ᠳᠠᠭᠤᠷᠢᠶᠡᠯ᠎ᠤᠨ ᠠᠵᠦ ᠠᠬᠤᠢ᠌ᠯᠠᠯ ᠵᠢᠯ ᠳᠠᠷᠠᠭ᠋ᠠᠯᠠᠨ ᠨᠡᠮᠡᠭᠳᠡᠵᠦ᠂920 ᠰᠢᠯᠭ᠋ᠠᠨ ᠪᠠᠢ᠌ᠴᠠᠭ᠋ᠠᠬᠤ ᠰᠢᠯᠭ᠋ᠠᠨ ᠬᠡᠮᠵᠢᠬᠦ ᠪᠠᠢ᠌ᠭᠤᠯᠤᠮᠵᠢ ᠵᠢ ᠬᠢᠨᠠᠨ ᠪᠠᠢ᠌ᠴᠠᠭ᠋ᠠᠨ ᠵᠦᠪᠰᠢᠶᠡᠷᠡᠭᠡᠳ᠂ ᠮᠠᠨ᠎ᠤ ᠤᠷᠤᠨ᠎ᠤ ᠠᠵᠢᠯ ᠲᠦᠷᠦᠯ ᠦᠨᠳᠤᠰᠤᠨ᠎ᠳᠡᠭᠡᠨ ᠪᠦᠷᠢᠨᠰᠢᠭᠰᠡᠨ ᠮᠡᠷᠭᠡᠵᠢᠯ᠎ᠤᠨ ᠦᠢ᠍ᠯᠡᠴᠢᠯᠡᠭᠡᠨ᠎ᠤ ᠠᠵᠦ ᠦᠢ᠍ᠯᠡᠰ ᠠᠩᠬ᠎ᠠ ᠠᠯᠬᠤᠮ ᠪᠦᠷᠢᠯᠳᠤᠪᠠ᠃
[ᠭᠤᠤ ᠢᠩ ᠵᠢᠶᠸ] ᠲᠦᠷᠪᠠ᠎ᠳᠤ ᠬᠠᠤᠯᠢ᠎ᠪᠠᠷ ᠵᠠᠰᠠᠬᠤ ᠶᠠᠰᠤ ᠴᠢᠨᠠᠷ᠎ᠲᠤ ᠬᠢᠨᠠᠯᠳᠠ ᠳᠠᠯᠪᠢᠬᠤ ᠪᠠᠢ᠌ᠭᠤᠯᠤᠯᠳᠠ ᠪᠦᠬᠦ ᠲᠠᠯ᠎ᠠ᠎ᠪᠠᠷ ᠠᠬᠢᠪᠠ ᠃ ᠶᠠᠰᠤ ᠴᠢᠨᠠᠷ᠎ᠤᠨ ᠬᠠᠤᠯᠢ ᠲᠤᠭᠳᠠᠭ᠋ᠠᠬᠤ ᠠᠵᠢᠯ᠎ᠢ ᠠᠬᠢᠭᠤᠯᠬᠤ ᠲᠠᠯ᠎ᠠ᠎ᠪᠠᠷ᠂ ᠪᠢᠳᠡᠨ᠎ᠤ ᠴᠢᠷᠮᠠᠢ᠌ᠯᠭ᠎ᠠ᠎ᠪᠠᠷ ᠳᠠᠮᠵᠢᠨ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠂ ᠵᠠᠰᠠᠭ᠎ᠤᠨ ᠤᠷᠳᠤᠨ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠨᠴᠠ ᠲᠦᠷᠦᠯ᠎ᠤᠨ ᠲᠦᠬᠦᠭᠡᠷᠤᠮᠵᠢ ᠵᠢᠨ ᠠᠶᠤᠯ ᠦᠬᠡᠢ ᠵᠢᠨ ᠬᠢᠨᠠᠨ ᠪᠠᠢ᠌ᠴᠠᠭ᠋ᠠᠬᠤ ᠲᠦᠷᠢᠮ》 ᠵᠡᠷᠭᠡ ᠤᠷᠤᠨ ᠨᠤᠳᠤᠭ᠎ᠤᠨ ᠴᠢᠨᠠᠷᠲᠠᠢ ᠬᠠᠤᠯᠢ ᠲᠦᠷᠢᠮ ᠪᠠ ᠲᠦᠷᠢᠮ᠎ᠢ ᠨᠡᠢ᠌ᠳᠡᠯᠡᠨ ᠬᠡᠷᠡᠭᠵᠢᠭᠦᠯᠵᠦ᠂ ᠨᠢᠭᠡ ᠪᠦᠯᠦᠭ ᠬᠠᠤᠯᠢ ᠲᠦᠷᠢᠮ᠎ᠤᠨ ᠴᠢᠨᠠᠷᠲᠠᠢ ᠪᠢᠴᠢᠭ ᠮᠠᠲᠸᠷᠢᠶᠠᠯ᠎ᠢ ᠲᠤᠭᠳᠠᠭ᠋ᠠᠪᠠ᠃ ᠵᠠᠰᠠᠭ ᠵᠠᠬᠢᠷᠭ᠋ᠠᠨ᠎ᠤ ᠰᠢᠳᠭᠡᠯ ᠲᠤᠷᠭ᠋ᠠᠭᠤᠯᠢ ᠵᠢᠨ ᠬᠡᠷᠡᠭ᠎ᠢ ᠬᠠᠮᠳᠤ᠎ᠪᠠᠷ ᠰᠢᠬᠦᠨ ᠰᠢᠢ᠍ᠳᠪᠤᠷᠢᠯᠡᠬᠦ᠂ ᠴᠢᠯᠤᠭᠡᠲᠠᠢ ᠳᠠᠰᠤᠯᠬᠤ ᠵᠡᠷᠭᠡ ᠲᠡᠰ ᠳᠠᠷᠠᠭ᠋ᠠᠯᠠᠯ᠎ᠤᠨ ᠴᠢᠨᠠᠷᠲᠠᠢ ᠲᠦᠷᠢᠮ᠎ᠢ ᠪᠠᠢ᠌ᠭᠤᠯᠤᠨ ᠲᠡᠭᠦᠯᠳᠡᠷᠵᠢᠭᠦᠯᠪᠠ᠃ 《ᠬᠠᠤᠯᠢ ᠵᠢ ᠬᠡᠷᠡᠭᠵᠢᠭᠦᠯᠤᠨ ᠬᠤᠳᠠᠯ ᠬᠠᠭᠤᠷᠮᠠᠭ᠎ᠲᠤ ᠴᠤᠬᠢᠯᠳᠠ ᠦᠭᠬᠦ》 ᠰᠢᠷᠢᠰ ᠠᠵᠢᠯᠯᠠᠭ᠎ᠠ ᠵᠢ ᠵᠤᠬᠢᠶᠠᠨ ᠪᠠᠢ᠌ᠭᠤᠯᠤᠨ ᠦᠷᠨᠢᠭᠦᠯᠵᠦ᠂ ᠲᠠᠷᠢᠶᠠᠯᠠᠩ᠎ᠤᠨ ᠬᠡᠷᠡᠭᠰᠡᠯ᠂ ᠪᠠᠷᠢᠯᠭ᠎ᠠ ᠵᠢᠨ ᠮᠠᠲᠸᠷᠢᠶᠠᠯ᠂ ᠨᠤᠤᠰᠤ ᠨᠤᠯᠤᠤᠷ᠎ᠤᠨ ᠰᠢᠷᠬᠡᠭᠯᠢᠭ᠂ ᠢᠳᠡᠭᠡᠨ᠎ᠤ ᠬᠠᠮᠢᠶᠠᠲᠠᠢ ᠦᠢ᠍ᠯᠡᠳᠬᠦᠨ᠂ ᠮᠠᠰᠢᠨ ᠲᠡᠷᠭᠡᠨ᠎ᠤ ᠰᠡᠯᠪᠢᠭ ᠲᠤᠨᠤᠭ᠂ ᠬᠡᠤᠬᠡᠳ᠎ᠤᠨ ᠲᠤᠭᠯᠠᠭ᠋ᠠᠮ ᠵᠡᠷᠭᠡ ᠵᠢᠨ ᠬᠤᠳᠠᠯ ᠬᠠᠭᠤᠷᠮᠠᠭ ᠵᠦᠢ᠍ᠯ᠎ᠳᠤ ᠴᠤᠬᠢᠯᠳᠠ ᠦᠭᠬᠦ ᠠᠵᠢᠯ ᠢᠯᠠᠳᠳᠠ ᠦᠷ᠎ᠡ ᠪᠦᠳᠤᠭᠡᠯ ᠤᠯᠪᠠ᠃ ᠦᠢ᠍ᠯᠡᠳᠭᠦᠨ᠎ᠤ ᠶᠠᠰᠤ ᠴᠢᠨᠠᠷ᠎ᠲᠤ ᠬᠢᠨᠠᠯᠳᠠ ᠳᠠᠯᠪᠢᠬᠤ ᠪᠠ ᠤᠨᠴᠠ ᠲᠦᠬᠦᠭᠡᠷᠦᠮᠵᠢ ᠵᠢ ᠬᠢᠨᠠᠨ ᠬᠠᠮᠢᠶᠠᠷᠬᠤ ᠠᠵᠢᠯ ᠢᠯᠠᠳᠳᠠ ᠠᠮᠵᠢᠯᠳᠠ ᠤᠯᠵᠦ᠂ ᠤᠢ᠌ᠷ᠎ᠠ ᠵᠢᠨ ᠵᠢᠯ᠎ᠳᠤ ᠤᠷᠤᠨ ᠨᠤᠳᠤᠭ᠎ᠤᠨ ᠴᠢᠨᠠᠷᠲᠠᠢ᠂ ᠰᠢᠰᠲᠸᠮ᠎ᠤᠨ ᠴᠢᠨᠠᠷᠲᠠᠢ᠂ ᠠᠵᠢᠯ ᠲᠦᠷᠦᠯ᠎ᠤᠨ ᠴᠢᠨᠠᠷᠲᠠᠢ ᠠᠶᠤᠯ ᠦᠬᠡᠢ ᠵᠢᠨ ᠡᠨᠳᠡᠯ ᠭᠠᠷᠤᠭᠰᠠᠨ ᠦᠬᠡᠢ᠃ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠴᠢᠩᠭ᠋ᠠᠳᠬᠠᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠤᠮᠤ ᠲᠠᠩᠬᠢᠮ ᠭᠠᠷᠭ᠋ᠠᠵᠦ᠂ ᠬᠢᠨᠠᠨ ᠵᠦᠪᠰᠢᠶᠡᠷᠡᠬᠦᠯᠬᠦ ᠬᠡᠷᠡᠭ ᠶᠠᠪᠤᠳᠠᠯ᠎ᠢ ᠨᠢᠭᠡᠳᠤᠯᠲᠠᠢ ᠬᠦᠯᠢᠶᠡᠨ ᠠᠪᠴᠤ᠂ ᠠᠵᠢᠯ ᠶᠠᠪᠤᠳᠠᠯ ᠭᠦᠢ᠍ᠴᠡᠳᠭᠡᠬᠦ ᠴᠤᠪᠤᠷᠠᠯ᠎ᠢ ᠢᠯᠡ ᠪᠠᠢ᠌ᠯᠭ᠋ᠠᠵᠦ᠂ ᠬᠢᠨᠠᠨ ᠵᠦᠪᠰᠢᠶᠡᠷᠡᠬᠦ ᠲᠡᠰ ᠳᠠᠷᠠᠭ᠋ᠠᠯᠠᠯ᠎ᠢ ᠲᠦᠭᠦᠮᠴᠢᠯᠡᠵᠦ᠂ ᠰᠢᠯᠢᠳᠡᠭ ᠦᠢ᠍ᠯᠡᠴᠢᠯᠡᠭᠡ ᠬᠠᠩᠭ᠋ᠠᠵᠦ᠂ ᠨᠡᠢ᠌ᠭᠡᠮ ᠨᠡᠢ᠌ᠳᠡ ᠵᠢᠨ᠎ᠬᠢᠨ᠎ᠤ ᠰᠠᠢ᠌ᠨ ᠦᠨᠡᠯᠡᠯᠳᠡ ᠵᠢ ᠤᠯᠪᠠ᠃
[ᠭᠤᠤ ᠢᠩ ᠵᠢᠶᠸ] ᠳᠠᠪᠤ᠎ᠳᠤ ᠶᠠᠰᠤ ᠴᠢᠨᠠᠷ᠎ᠲᠤ ᠬᠢᠨᠠᠯᠳᠠ ᠳᠠᠯᠪᠢᠬᠤ ᠰᠤᠶᠤᠯ᠎ᠤᠨ ᠪᠠᠢ᠌ᠭᠤᠯᠤᠯᠳᠠ ᠰᠢᠯᠢᠳᠡᠭ ᠠᠮᠵᠢᠯᠳᠠ᠎ᠲᠠᠢ ᠪᠤᠯᠪᠠ᠃ ᠨᠡᠢ᠌ᠭᠡᠮ ᠵᠢᠷᠤᠮ᠎ᠤᠨ ᠭᠤᠤᠯᠯᠠᠬᠤ ᠦᠷᠳᠡᠭ᠎ᠤᠨ ᠦᠵᠡᠯᠳᠡ᠎ᠪᠠᠷ ᠵᠢᠯᠤᠭᠤᠳᠤᠭᠤᠯᠵᠦ᠂ ᠦᠪᠤᠷ ᠮᠤᠩᠭᠤᠯ᠎ᠤᠨ ᠶᠠᠰᠤ ᠴᠢᠨᠠᠷ᠎ᠲᠤ ᠬᠢᠨᠠᠯᠳᠠ ᠳᠠᠯᠪᠢᠬᠤ ᠰᠤᠶᠤᠯ᠎ᠤᠨ ᠰᠢᠰᠲᠸᠮ᠎ᠢ ᠲᠠᠰᠤᠷᠠᠯᠳᠠ ᠦᠬᠡᠢ ᠡᠭᠦᠳᠤᠨ ᠪᠤᠢ ᠪᠤᠯᠭ᠋ᠠᠪᠠ᠃ ᠪᠢᠳᠡᠨ᠎ᠤ ᠲᠤᠷᠠᠳᠤᠭᠰᠠᠨ ᠭᠤᠤᠯᠯᠬᠤ ᠦᠵᠡᠯᠳᠡ᠂ ᠲᠡᠮᠡᠴᠡᠬᠦ ᠬᠠᠷᠠᠯᠳᠠ᠂ ᠶᠠᠰᠤ ᠴᠢᠨᠠᠷ᠎ᠲᠤ ᠬᠢᠨᠠᠯᠳᠠ ᠳᠠᠯᠪᠢᠬᠤ ᠵᠤᠷᠢᠭ ᠰᠠᠨᠠᠭ᠎ᠠ᠂ ᠠᠵᠢᠯ᠎ᠤᠨ ᠭᠤᠤᠯ ᠱᠤᠭᠤᠮ᠎ᠨᠢ ᠪᠤᠢ ᠪᠦᠬᠦᠢ ᠬᠢᠨᠠᠯᠳᠠ ᠳᠠᠯᠪᠢᠭᠴᠢᠳᠢ ᠵᠤᠷᠢᠭᠵᠢᠭᠤᠯᠤᠨ ᠪᠦᠯᠬᠦᠮᠳᠡᠨ ᠲᠡᠮᠡᠴᠡᠬᠦ ᠵᠤᠷᠢᠭ ᠰᠠᠨᠠᠭ᠋ᠠᠨ᠎ᠤ ᠬᠦᠳᠡᠯᠭᠡᠬᠦ ᠬᠦᠴᠤᠨ ᠪᠤᠯᠪᠠ᠃ 《ᠬᠤᠶᠠᠷ ᠰᠦᠯᠵᠢᠶ᠎ᠡ ᠨᠢᠬᠡ ᠰᠡᠳᠭᠦᠯ》 ᠵᠶ᠋ᠡᠷ ᠭᠤᠤᠯ ᠹᠠᠷᠤᠨᠲ ᠪᠤᠯᠭ᠋ᠠᠭᠰᠠᠨ ᠰᠤᠶᠤᠯ᠎ᠤᠨ ᠤᠬᠠᠭᠤᠯᠭ᠎ᠠ ᠵᠢᠨ ᠲᠠᠪᠴᠠᠩ ᠤᠨ ᠨᠦᠯᠦᠭᠡᠯᠡᠬᠦ ᠬᠦᠴᠤᠨ᠂ ᠤᠷᠢᠶᠠᠯᠭ᠎ᠠ ᠵᠢᠨ ᠬᠦᠴᠤᠨ᠎ᠨᠢ ᠡᠳᠤᠷ ᠢᠷᠡᠬᠦᠶ᠎ᠡ ᠦᠷᠭᠡᠳᠪᠠ᠃ 《ᠶᠠᠰᠤ ᠴᠢᠨᠠᠷ᠎ᠤᠨ ᠳᠠᠭᠤᠤ》᠂ 《ᠲᠤᠯᠤᠭ᠋ᠠᠨ ᠰᠠᠷ᠎ᠠ ᠵᠢᠨ ᠭᠡᠷᠡᠯ ᠭᠢᠯᠪᠠᠭ᠎ᠠ》᠂ 《ᠬᠢᠨᠠᠯᠳᠠ ᠳᠠᠯᠪᠢᠭᠴᠢᠳ᠎ᠤᠨ ᠬᠦᠬᠡᠬᠡᠴᠡᠯᠳᠤᠯ》᠂ 《ᠮᠠᠨ᠎ᠤ ᠤᠳᠤᠷᠢᠳᠤᠭᠴᠢ ᠮᠠᠤ ᠽᠸ ᠳ᠋ᠦᠩ》 ᠵᠡᠷᠭᠡ ᠨᠢᠬᠡ ᠪᠦᠯᠦᠭ ᠰᠤᠶᠤᠯ᠎ᠤᠨ ᠦᠷ᠎ᠡ ᠪᠦᠳᠤᠭᠡᠯ᠎ᠢ ᠴᠤᠯᠭᠤᠷᠠᠭᠤᠯᠤᠨ ᠭᠠᠷᠭ᠋ᠠᠪᠠ᠃ ᠤᠷᠠᠨ ᠰᠠᠢ᠌ᠬᠠᠨ᠎ᠤ ᠬᠠᠷᠢᠭᠤ ᠮᠡᠳᠡᠭᠦᠯᠦᠯᠳᠠ ᠵᠢᠨ ᠲᠤᠭᠯᠠᠯᠳᠠ᠂ ᠰᠢᠯᠭ᠋ᠠᠨ ᠪᠠᠢ᠌ᠴᠠᠭ᠋ᠠᠬᠤ ᠤᠷ᠎ᠠ ᠮᠡᠷᠭᠡᠵᠢᠯ᠎ᠤᠨ ᠮᠦᠷᠦᠢ᠌ᠴᠡᠭᠡᠨ᠂ ᠬᠠᠤᠯᠢ ᠴᠠᠭ᠋ᠠᠵᠠ ᠵᠢᠨ ᠮᠡᠳᠡᠯᠭᠡ ᠵᠢᠨ ᠤᠷᠤᠯᠳᠤᠭ᠋ᠠᠨ᠂ ᠤᠷᠠᠨ ᠶᠠᠷᠢᠶ᠎ᠠ ᠵᠢᠨ ᠤᠷᠤᠯᠳᠤᠭ᠋ᠠᠨ᠂ ᠵᠢᠷᠤᠭ ᠰᠡᠭᠦᠳᠡᠷ᠎ᠤᠨ ᠤᠷᠤᠯᠳᠤᠭ᠋ᠠᠨ᠂ ᠤᠷᠠᠨ ᠪᠢᠴᠢᠯᠭᠡ ᠵᠢᠨ ᠤᠷᠤᠯᠳᠤᠭ᠋ᠠᠨ ᠵᠡᠷᠭᠡ ᠪᠠᠶᠠᠯᠢᠭ ᠰᠠᠢ᠌ᠬᠠᠨ ᠠᠵᠢᠯᠯᠠᠭ᠎ᠠ ᠵᠢ ᠦᠷᠨᠢᠭᠦᠯᠵᠦ᠂ 《ᠶᠠᠰᠤ ᠴᠢᠨᠠᠷ᠎ᠤᠨ ᠭᠢᠯᠪᠠᠭ᠎ᠠ》 ᠤᠷᠠᠨ ᠰᠠᠢ᠌ᠬᠠᠨ᠎ᠤ ᠬᠠᠷᠢᠭᠤ ᠮᠡᠳᠡᠭᠦᠯᠦᠯᠳᠠ ᠵᠢᠨ ᠲᠤᠭᠯᠠᠯᠳᠠ ᠵᠢ ᠪᠦᠬᠦ ᠤᠯᠤᠰ᠎ᠲᠤ ᠨᠡᠪᠳᠡᠷᠡᠬᠦᠯᠵᠦ ᠦᠩᠭᠡᠷᠡᠪᠡ᠃ ᠶᠠᠰᠤ ᠴᠢᠨᠠᠷ᠎ᠲᠤ ᠬᠢᠨᠠᠯᠳᠠ ᠳᠠᠯᠪᠢᠬᠤ ᠰᠤᠶᠤᠯᠳᠤ ᠤᠷᠢᠳᠤ ᠡᠮᠤᠨ᠎ᠡ ᠭᠠᠷᠤᠭ᠋ᠠᠳᠤᠢ ᠬᠦᠭᠵᠢᠨ ᠴᠡᠴᠡᠭᠯᠡᠭᠰᠡᠨ ᠪᠠᠢ᠌ᠳᠠᠯ ᠢᠯᠡᠷᠡᠪᠠ᠃
[ᠭᠤᠤ ᠢᠩ ᠵᠢᠶᠸ] ᠵᠢᠷᠭᠤᠭ᠎ᠠ᠎ᠳᠤ ᠡᠩᠨᠡᠭᠡᠨ᠎ᠤ ᠪᠠᠢ᠌ᠭᠤᠯᠤᠯᠳᠠ ᠱᠠᠳᠤ ᠦᠶ᠎ᠡ ᠵᠢᠨ ᠴᠢᠨᠠᠷᠲᠠᠢ ᠦᠷ᠎ᠡ ᠪᠦᠳᠤᠭᠡᠯ ᠤᠯᠪᠠ᠃ ᠡᠯ᠎ᠡ ᠱᠠᠳᠤᠨ᠎ᠤ ᠤᠳᠤᠷᠢᠳᠬᠤ ᠪᠠᠭ᠎ᠤᠨ ᠪᠠᠢ᠌ᠭᠤᠯᠤᠯᠳᠠ ᠵᠢ ᠴᠢᠩᠭ᠋ᠠᠳᠬᠠᠵᠦ᠂ ᠨᠢᠭᠡ ᠪᠦᠯᠦᠭ ᠨᠠᠰᠤ ᠵᠠᠯᠠᠭᠤ ᠬᠦᠴᠤ ᠲᠤᠷᠪᠢᠲᠠᠢ ᠺᠠᠳ᠋ᠷ ᠤᠳᠤᠷᠢᠳᠬᠤ ᠪᠠᠢ᠌ᠷᠢᠨ᠎ᠳᠤ ᠲᠡᠪᠰᠢᠵᠦ᠂ ᠵᠦᠪᠬᠡᠨ 2008 ᠤᠨ ᠪᠠ 2009᠎ᠳᠤ ᠡᠯᠰᠡᠭᠰᠡᠨ 379 ᠠᠯᠪᠠᠳᠠᠨ᠎ᠤ ᠳᠤᠳᠤᠷ᠎ᠠ᠎ᠠᠴᠠ185᠎ᠨᠢ ᠰᠠᠯᠠᠭ᠎ᠠ ᠵᠢᠨ ᠱᠠᠳᠤᠨ᠎ᠤ ᠤᠳᠤᠷᠢᠳᠬᠤ ᠪᠠᠢ᠌ᠷᠢᠨ᠎ᠳᠤ ᠲᠡᠪᠰᠢᠪᠠ᠃ ᠪᠠᠢ᠌ᠭᠤᠯᠤᠮᠵᠢ ᠵᠢᠨ ᠪᠠᠢ᠌ᠭᠤᠯᠤᠯᠳᠠ ᠵᠢ ᠴᠢᠩᠭ᠋ᠠᠳᠬᠠᠵᠦ᠂ ᠳᠤᠳᠤᠭ᠋ᠠᠳᠤ ᠪᠠᠢ᠌ᠭᠤᠯᠤᠮᠵᠢ ᠪᠠ ᠤᠳᠤᠷᠢᠳᠬᠤ ᠲᠤᠰᠢᠶᠠᠯ᠎ᠤᠨ ᠲᠤᠭ᠎ᠠ ᠵᠢ ᠨᠡᠮᠡᠭᠳᠡᠬᠦᠯᠵᠦ᠂ ᠦᠪᠡᠷᠳᠡᠭᠡᠨ ᠵᠠᠰᠠᠬᠤ ᠤᠷᠤᠨ᠎ᠤ ᠬᠡᠮᠵᠢᠯᠳᠠ ᠵᠢᠨ ᠬᠦᠷᠢᠶᠡᠯᠡᠩ᠎ᠢ ᠳᠡᠳ᠋ ᠲᠢᠩᠬᠢᠮ᠎ᠤᠨ ᠲᠡᠰ᠎ᠤᠨ ᠠᠵᠢᠯ ᠦᠢ᠍ᠯᠠᠰ᠎ᠤᠨ ᠪᠠᠢ᠌ᠭᠤᠯᠤᠮᠵᠢ ᠪᠤᠯᠭ᠋ᠠᠨ ᠦᠰᠭᠡᠪᠠ᠃ ᠲᠡᠷᠢᠬᠦᠨ᠎ᠤ ᠨᠡᠢ᠌ᠳᠡᠯᠢᠭ ᠵᠢᠱ᠌ᠢᠶ᠎ᠡ ᠵᠢ ᠶᠡᠬᠡᠪᠡᠷ ᠪᠤᠢ᠌ᠵᠢᠭᠤᠯᠤᠨ ᠭᠠᠷᠭ᠋ᠠᠵᠦ᠂ ᠪᠦᠬᠦ ᠰᠢᠰᠲᠸᠮ᠎ᠳᠤ ᠲᠡᠷᠢᠬᠦᠨ᠎ᠤ ᠡᠭᠦᠷ᠎ᠢ ᠪᠠᠢ᠌ᠭᠤᠯᠤᠨ ᠰᠢᠯᠢᠳᠡᠭ ᠬᠡᠰᠢᠬᠦᠨ᠎ᠢ ᠪᠤᠢ ᠪᠤᠯᠭ᠋ᠠᠬᠤ ᠠᠵᠢᠯᠯᠠᠭ᠎ᠠ ᠦᠷᠨᠢᠨ ᠬᠦᠭᠵᠢᠵᠦ᠂ ᠢᠯᠠᠩᠭᠤᠶ᠎ᠠ 《ᠶᠠᠰᠤ ᠴᠢᠨᠠᠷ᠎ᠲᠤ ᠬᠢᠨᠠᠯᠳᠠ ᠳᠠᠯᠪᠢᠬᠤ ᠰᠠᠳᠭᠢᠯ ᠬᠦᠳᠡᠯᠭᠡᠮ᠎ᠡ ᠬᠦᠮᠤᠰ》᠎ᠢ ᠠᠳᠠᠯᠢᠳᠬᠠᠨ ᠰᠢᠯᠭ᠋ᠠᠷᠠᠭᠤᠯᠵᠦ ᠬᠦᠬᠢᠬᠦᠯᠦᠨ ᠰᠠᠢ᠌ᠰᠢᠶᠠᠬᠤ ᠠᠵᠢᠯᠯᠠᠭ᠎ᠠ᠎ᠨᠢ ᠶᠠᠰᠤ ᠴᠢᠨᠠᠷ᠎ᠲᠤ ᠬᠢᠨᠠᠯᠳᠠ ᠳᠠᠯᠪᠢᠬᠤ ᠡᠩᠨᠡᠭᠡᠨ᠎ᠤ ᠪᠠᠢ᠌ᠭᠤᠯᠤᠯᠳᠠ ᠵᠢᠨ ᠨᠢᠭᠡᠨ ᠨᠡᠷᠡᠳᠤ ᠲᠡᠮᠳᠡᠭ ᠪᠤᠯᠤᠭᠰᠠᠨ ᠪᠠᠢ᠌ᠨ᠎ᠠ᠃ ᠡᠭᠦᠨ᠎ᠳᠤ ᠬᠤᠶᠠᠷ ᠨᠦᠬᠦᠷ᠎ᠢ ᠤᠯᠤᠰ᠎ᠤᠨ ᠶᠠᠰᠤ ᠴᠢᠨᠠᠷ᠎ᠤᠨ ᠪᠠᠢ᠌ᠴᠠᠭ᠋ᠠᠯᠳᠠ ᠵᠢᠨ ᠶᠡᠷᠦᠩᠬᠡᠢ ᠲᠤᠪᠴᠢᠶ᠎ᠠ ᠪᠠ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠠᠴᠠ ᠲᠤᠰ ᠲᠤᠰ ᠲᠡᠷᠢᠬᠦᠨ᠎ᠤ ᠨᠡᠢ᠌ᠳᠡᠯᠢᠭ ᠵᠢᠱ᠌ᠢᠶ᠎ᠡ ᠪᠤᠯᠭ᠋ᠠᠭᠰᠠᠨ ᠪᠠᠢ᠌ᠨ᠎ᠠ᠃ ᠨᠠᠮ᠎ᠤᠨ ᠤᠯᠠᠨ ᠲᠦᠮᠡᠨᠴᠢ ᠱᠤᠭᠤᠮ᠎ᠤᠨ ᠬᠦᠮᠤᠵᠢᠯ ᠦᠢ᠍ᠯᠡᠳᠤᠯᠭᠡ ᠵᠢᠨ ᠠᠵᠢᠯᠯᠠᠭ᠎ᠠ ᠵᠢ ᠬᠦᠨᠵᠡᠭᠡᠢ ᠦᠷᠨᠢᠬᠦᠯᠵᠦ᠂ 《ᠲᠦᠷᠪᠡᠨ ᠰᠤᠷᠳᠠᠯ》᠎ᠤᠨ ᠲᠠᠯ᠎ᠠ᠎ᠪᠠᠷ᠎ᠬᠢ ᠲᠤᠪᠤᠢ᠌ᠮ᠎ᠠ ᠠᠰᠠᠭᠤᠳᠠᠯ᠎ᠢ ᠡᠷᠡᠰ ᠵᠠᠯᠠᠷᠠᠭᠤᠯᠵᠦ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠤᠯᠠᠨ ᠲᠦᠮᠡᠨᠴᠢ ᠱᠤᠭᠤᠮ᠎ᠤᠨ ᠬᠦᠮᠤᠵᠢᠯ ᠦᠢ᠍ᠯᠡᠳᠤᠯᠭᠡ ᠵᠢᠨ ᠠᠵᠢᠯᠯᠠᠭ᠎ᠠ ᠵᠢᠨ ᠠᠯᠪᠠᠨ ᠭᠡᠷ᠎ᠤᠨ ᠦᠨᠡᠯᠡᠯᠳᠡ ᠵᠢ ᠤᠯᠪᠠ᠃ ᠨᠠᠮ᠎ᠤᠨ ᠦᠨᠳᠤᠰᠤᠨ ᠱᠠᠳᠤᠨ᠎ᠤ ᠵᠤᠬᠢᠶᠠᠨ ᠪᠠᠢ᠌ᠭᠤᠯᠤᠯᠳᠠ ᠵᠢᠨ ᠪᠠᠢ᠌ᠭᠤᠯᠤᠯᠳᠠ᠂ ᠨᠠᠮ᠎ᠤᠨ ᠰᠤᠷᠳᠠᠯ ᠴᠢᠭᠡᠴᠢ ᠵᠠᠰᠠᠭ᠎ᠤᠨ ᠪᠠᠢ᠌ᠭᠤᠯᠤᠯᠳᠠ᠂ ᠵᠠᠰᠠᠭ᠎ᠤᠨ ᠰᠤᠷᠳᠠᠯ ᠠᠵᠢᠯ ᠲᠦᠷᠦᠯ᠎ᠤᠨ ᠰᠤᠷᠳᠠᠯ᠎ᠤᠨ ᠪᠠᠢ᠌ᠭᠤᠯᠤᠯᠳᠠ ᠲᠠᠰᠤᠷᠠᠯᠳᠠ ᠦᠬᠡᠢ ᠴᠢᠩᠭ᠋ᠠᠳᠴᠤ᠂ ᠳᠤᠳᠤᠭ᠋ᠠᠳᠤ᠎ᠳᠠᠭᠠᠨ ᠬᠢᠨᠠᠨ ᠪᠤᠳᠤᠬᠤ᠂ ᠬᠠᠤᠯᠢ ᠵᠢ ᠬᠡᠷᠡᠭᠵᠢᠬᠦᠯᠤᠨ ᠬᠢᠨᠠᠯᠳᠠ ᠳᠠᠯᠪᠢᠬᠤ᠂ ᠠᠵᠢᠯ ᠲᠦᠷᠦᠯ᠎ᠤᠨ ᠰᠤᠷᠳᠠᠯ᠎ᠢ ᠬᠠᠷᠢᠯᠴᠠᠨ ᠪᠠᠢ᠌ᠴᠠᠭ᠋ᠠᠬᠤ ᠵᠡᠷᠭᠡ ᠲᠠᠯ᠎ᠠ᠎ᠪᠠᠷ ᠬᠢᠨᠠᠯᠳᠠ ᠳᠠᠯᠪᠢᠬᠤ ᠵᠢ ᠨᠡᠮᠡᠭᠳᠡᠭᠦᠯᠵᠦ᠂ ᠡᠩᠨᠡᠭᠡᠨ᠎ᠤ ᠠᠮᠤᠷ ᠲᠦᠪᠰᠢᠨ᠎ᠤ ᠪᠠᠢ᠌ᠳᠠᠯ ᠤᠯᠠᠮ ᠪᠡᠬᠢᠵᠢᠪᠠ᠃
[ᠬᠦᠳᠤᠯᠦᠭᠴᠢ] ᠭᠤᠤ ᠳᠠᠷᠤᠭ᠎ᠠ ᠰᠠᠶᠢ ᠮᠠᠨ᠎ᠤ ᠶᠠᠰᠤ ᠴᠢᠨᠠᠷ᠎ᠲᠤ ᠬᠢᠨᠠᠯᠳᠠ ᠳᠠᠯᠪᠢᠬᠤ ᠲᠤᠪᠴᠢᠶ᠎ᠠ ᠵᠢᠨ ᠤᠢ᠌ᠷ᠎ᠠ ᠵᠢᠨ ᠬᠡᠳᠤᠨ ᠵᠢᠯ᠎ᠳᠤ ᠤᠯᠤᠭᠰᠠᠨ ᠠᠮᠵᠢᠯᠳᠠ ᠪᠦᠳᠤᠭᠡᠯ ᠢ ᠠᠮᠠᠨ ᠤᠩᠰᠢᠯᠭ᠎ᠠ ᠮᠡᠳᠤ ᠶᠠᠷᠢᠵᠦ ᠦᠭᠬᠦᠯ᠎ᠡ᠂ ᠤᠳᠤ ᠲᠠ ᠮᠠᠨ᠎ᠤ ᠰᠦᠯᠵᠢᠶᠡᠨ ᠠᠨᠳᠠ ᠨᠠᠷ ᠲᠤ ᠡᠳᠡᠭᠡᠷ ᠰᠢᠯᠢᠳᠡᠭ ᠠᠮᠵᠢᠯᠳᠠ ᠵᠢ ᠶᠠᠭ᠋ᠠᠬᠢᠵᠦ ᠤᠯᠤᠭᠰᠠᠨ ᠵᠶ᠋ᠡᠨ ᠬᠡᠯᠡᠬᠡᠳ ᠦᠭᠬᠦᠨᠡᠤ?
[ᠭᠤᠤ ᠢᠩ ᠵᠢᠶᠸ] ᠵᠠ ᠪᠤᠯᠤᠨ᠎ᠠ᠂ ᠪᠢᠳᠡ ᠬᠦᠭᠵᠢᠯᠳᠠ ᠵᠢ ᠪᠦᠬᠦ ᠲᠠᠯ᠎ᠠ᠎ᠪᠠᠷ ᠲᠦᠷᠭᠡᠳᠭᠡᠭᠰᠡᠨᠤ ᠬᠠᠮᠳᠤ ᠪᠠᠰᠠ ᠮᠠᠰᠢ ᠤᠯᠠᠨ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠤᠯᠠ᠄ ᠭᠤᠤᠯ᠎ᠨᠢ᠄ ᠨᠢᠭᠡ᠎ᠳᠤ ᠦᠵᠡᠯ ᠰᠠᠨᠠᠭ᠎ᠠ᠎ᠪᠠᠨ ᠴᠢᠯᠤᠭᠡᠯᠡᠵᠦ᠂ ᠦᠨᠡᠨ᠎ᠢ ᠪᠠᠷᠢᠮᠳᠠᠯᠠᠬᠤ ᠪᠤᠯ ᠬᠦᠭᠵᠢᠯᠳᠡ ᠵᠢ ᠲᠦᠷᠭᠡᠳᠭᠡᠬᠦ ᠵᠢᠨ ᠴᠢᠬᠤᠯᠠ ᠡᠷᠳᠡᠨᠢ ᠮᠦᠨ᠃ ᠮᠠᠤ ᠽᠸ ᠳ᠋ᠦᠩ ᠤᠨ ᠦᠵᠡᠯ ᠰᠠᠨᠠᠭ᠋ᠠᠨ᠎ᠤ ᠠᠮᠢᠨ ᠰᠦᠨᠡᠰᠤ ᠵᠢ ᠢᠮᠠᠭᠳᠠ ᠪᠠᠷᠢᠮᠳᠠᠯᠠᠵᠦ᠂ ᠪᠦᠬᠦ ᠰᠢᠰᠲᠸᠮ᠎ᠳᠤ ᠦᠵᠡᠯ ᠰᠠᠨᠠᠭ᠎ᠠ᠎ᠪᠠᠨ ᠴᠢᠯᠦᠬᠡᠯᠡᠬᠦ᠂ ᠦᠨᠡᠨ᠎ᠢ ᠪᠠᠷᠢᠮᠳᠠᠯᠠᠬᠤ ᠶᠡᠬᠡ ᠰᠤᠷᠤᠯᠴᠠᠭ᠎ᠠ᠂ ᠶᠡᠬᠡ ᠶᠠᠷᠢᠯᠴᠠᠭ᠎ᠠ ᠵᠢᠨ ᠠᠵᠢᠯᠯᠠᠭ᠎ᠠ ᠵᠢ ᠦᠷᠭᠡᠨ ᠳᠡᠯᠭᠡᠷ ᠦᠷᠨᠢᠭᠦᠯᠪᠠ᠃ ᠠᠵᠢᠯ᠎ᠤᠨ ᠦᠢ᠍ᠯᠡᠳᠤᠯᠭᠡ ᠳᠤᠮᠳᠠ 《ᠭᠤᠷᠪᠠ᠎ᠳᠤ ᠠᠰᠢᠭᠲᠠᠢ ᠪᠠᠢ᠌ᠬᠤ》 ᠵᠢ ᠪᠠᠷᠢᠮᠳᠠᠯᠠᠵᠦ᠂ ᠦᠷᠭᠡᠨ ᠤᠯᠠᠨ ᠺᠠᠳ᠋ᠷ ᠤᠯᠠᠨ ᠲᠦᠮᠠᠨ᠎ᠢ ᠵᠢᠯᠤᠭᠤᠳᠤᠨ ᠦᠵᠡᠯ ᠲᠠᠨᠢᠯᠳᠠ᠎ᠪᠠᠨ ᠬᠤᠪᠢᠷᠠᠭᠤᠯᠬᠤ᠂ ᠵᠤᠷᠢᠭᠲᠠᠢ᠎ᠪᠠᠷ ᠰᠡᠳᠬᠢᠬᠦ᠂ ᠵᠤᠷᠢᠭᠲᠠᠢ᠎ᠪᠠᠷ ᠳᠠᠭ᠋ᠠᠷᠢᠬᠤ᠂ ᠵᠤᠷᠢᠭᠲᠠᠢ᠎ᠪᠠᠷ ᠠᠵᠢᠯᠯᠠᠬᠤ ᠪᠤᠯᠭ᠋ᠠᠵᠦ᠂ ᠶᠠᠰᠤ ᠴᠢᠨᠠᠷ ᠲᠤ ᠬᠢᠨᠠᠯᠳᠠ ᠳᠠᠯᠪᠢᠬᠤ ᠰᠢᠰᠲᠸᠮ᠎ᠤᠨ ᠪᠢᠳᠡᠭᠦᠮᠵᠢᠯᠡᠨ ᠰᠠᠬᠢᠬᠤ ᠬᠤᠴᠤᠷᠤᠩᠭᠤᠢ ᠪᠠᠢ᠌ᠳᠠᠯ᠎ᠢ ᠬᠤᠪᠢᠷᠠᠭᠤᠯᠪᠠ᠃ ᠬᠤᠶᠠᠷ᠎ᠲᠤ ᠵᠤᠷᠢᠭᠲᠠᠢ᠎ᠪᠠᠷ ᠦᠬᠡᠷᠡᠴᠢᠯᠡᠯᠳᠡ ᠬᠢᠵᠦ᠂ ᠰᠠᠨᠠᠭ᠋ᠠᠴᠢᠯᠠᠭ᠎ᠠ᠎ᠠᠴᠠ᠎ᠪᠠᠨ ᠰᠢᠨ᠎ᠡ ᠵᠢ ᠡᠭᠦᠳᠬᠦ ᠪᠤᠯ ᠬᠦᠭᠵᠢᠯᠳᠡ ᠵᠢ ᠠᠬᠢᠭᠤᠯᠬᠤ ᠵᠢᠨ ᠬᠦᠴᠤᠲᠠᠢ ᠬᠦᠳᠡᠯᠭᠡᠬᠦ ᠬᠦᠴᠤᠨ ᠮᠦᠨ᠃ ᠵᠤᠷᠢᠭᠲᠠᠢ᠎ᠪᠠᠷ ᠦᠬᠡᠷᠡᠴᠢᠯᠡᠯᠳᠡ ᠬᠢᠵᠦ᠂ ᠰᠠᠨᠠᠭ᠋ᠠᠴᠢᠯᠠᠭ᠎ᠠ᠎ᠠᠴᠠ᠎ᠪᠠᠨ ᠰᠢᠨ᠎ᠡ ᠵᠢ ᠡᠭᠦᠳᠬᠦ ᠴᠠᠭ ᠦᠶ᠎ᠡ ᠵᠢᠨ ᠵᠤᠷᠢᠭ ᠰᠠᠨᠠᠭ᠎ᠠ ᠵᠢ ᠢᠮᠠᠭᠳᠠ ᠪᠠᠷᠢᠮᠳᠠᠯᠠᠵᠦ᠂ ᠦᠬᠡᠷᠡᠴᠢᠯᠡᠯᠳᠡ᠎ᠳᠤ ᠲᠦᠰᠢᠭᠯᠡᠨ ᠦᠪᠡᠷ᠎ᠢ᠎ᠪᠠᠨ ᠬᠦᠴᠤᠷᠬᠡᠭᠵᠢᠭᠦᠯᠬᠦ ᠪᠠ ᠰᠢᠨ᠎ᠡ ᠵᠢ ᠡᠭᠦᠳᠬᠦ᠎ᠳᠤ ᠲᠦᠰᠢᠭᠯᠡᠨ ᠦᠪᠡᠷ᠎ᠢ᠎ᠪᠠᠨ ᠪᠡᠬᠢᠵᠢᠭᠦᠯᠵᠦ᠂ ᠡᠳ᠋᠎ᠤᠨ ᠶᠠᠪᠤᠳᠠᠯ᠎ᠤᠨ ᠪᠡᠯᠡ ᠮᠦᠩᠬᠦ ᠵᠢ ᠨᠢᠭᠡᠳᠤᠯᠲᠠᠢ ᠪᠡᠯᠡᠳᠭᠡᠬᠦ ᠲᠦᠷᠢᠮ᠎ᠢ ᠪᠠᠢ᠌ᠭᠤᠯᠵᠦ᠂ ᠮᠡᠳᠡᠭᠡ ᠵᠠᠩᠭᠢᠵᠢᠯᠳᠠ ᠵᠢᠨ ᠠᠷᠭ᠎ᠠ ᠪᠠᠷᠢᠯ᠎ᠢ ᠠᠮᠤᠷ ᠲᠦᠪᠰᠢᠨ᠎ᠤ ᠬᠢᠨᠠᠯᠳᠠ ᠬᠠᠮᠢᠶᠠᠷᠤᠯᠳᠠᠯᠤᠭᠠ ᠪᠦᠳᠤᠮᠵᠢᠲᠠᠢ ᠤᠶᠠᠯᠳᠤᠭᠤᠯᠵᠦ᠂ ᠦᠨᠳᠤᠰᠤᠳᠡᠨ᠎ᠤ ᠰᠤᠶᠤᠯ᠎ᠢ ᠪᠠᠷᠢᠮᠵᠢᠶᠠᠵᠢᠭᠤᠯᠤᠨ ᠤᠯᠠᠮᠵᠢᠯᠠᠬᠤ᠂ ᠤᠯᠠᠨ ᠤᠯᠤᠰ᠎ᠤᠨ ᠠᠯᠳᠠᠷᠲᠠᠢ ᠰᠢᠯᠭ᠋ᠠᠨ ᠪᠠᠢ᠌ᠴᠠᠭ᠋ᠠᠬᠤ ᠪᠠᠢ᠌ᠭᠤᠯᠤᠮᠵᠢ ᠵᠢ ᠤᠷᠤᠭᠤᠯᠤᠨ ᠠᠪᠴᠢᠷᠠᠵᠦ ᠬᠦᠮᠤᠨᠤᠬᠢᠪᠠᠷ ᠲᠤᠯᠢᠳᠠᠨ ᠠᠵᠢᠯᠯᠠᠬᠤ᠂ ᠲᠤᠯᠤᠭ᠋ᠠᠨ ᠲᠤᠮᠤ ᠬᠢᠨᠠᠯᠳᠠ ᠬᠠᠮᠢᠶᠠᠷᠤᠯᠳᠠ ᠵᠢᠨ ᠠᠷᠭ᠎ᠠ ᠬᠡᠮᠵᠢᠶ᠎ᠡ᠎ᠪᠠᠷ ᠬᠡᠮ ᠦᠬᠡᠢ ᠰᠦᠨ ᠳᠠᠯᠬ᠎ᠠ ᠵᠢ ᠦᠢ᠍ᠯᠡᠳᠪᠤᠷᠢᠯᠡᠬᠦ᠂ ᠲᠦᠮᠡᠨ ᠭᠠᠵᠠᠷ᠎ᠤᠨ ᠠᠶᠠᠯᠠᠯ᠎ᠤᠨ 《 ᠬᠠᠷᠢᠯᠴᠠᠨ ᠰᠤᠷᠤᠯᠴᠠᠵᠦ ᠬᠠᠷᠢᠯᠴᠠᠨ ᠠᠬᠢᠭᠤᠯᠬᠤ》 ᠵᠡᠷᠭᠡ ᠠᠵᠢᠯᠯᠠᠭᠠᠤᠳᠢ ᠦᠷᠨᠢᠭᠦᠯᠵᠦ᠂ ᠠᠵᠢᠯ ᠦᠢ᠍ᠯᠡᠰ᠎ᠤᠨ ᠬᠦᠭᠵᠢᠯᠳᠠ᠎ᠳᠤ ᠠᠮᠢᠵᠢᠷᠠᠯ᠎ᠤᠨ ᠬᠦᠴᠤᠨ ᠪᠠ ᠠᠮᠢᠳᠤᠯᠢᠭ ᠬᠦᠴᠤᠨ ᠤᠯᠭᠤᠬᠤ ᠵᠢ ᠠᠬᠢᠭᠤᠯᠪᠠ᠃ ᠭᠤᠷᠪᠠ᠎ᠳᠤ ᠦᠨᠡᠨ᠎ᠢ ᠪᠠᠷᠢᠮᠳᠠᠯᠠᠨ ᠦᠨᠡᠨ ᠪᠤᠳᠠᠲᠠᠢ ᠠᠵᠢᠯᠯᠠᠬᠤ ᠪᠤᠯ ᠠᠵᠢᠯ ᠦᠢ᠍ᠯᠡᠰ᠎ᠤᠨ ᠠᠮᠵᠢᠯᠳᠠ ᠤᠯᠬᠤ ᠵᠢᠨ ᠴᠢᠬᠤᠯᠠ ᠤᠷᠢᠳᠠᠴᠢ ᠨᠦᠬᠦᠴᠡᠯ ᠮᠦᠨ᠃ ᠶᠠᠰᠤ ᠴᠢᠨᠠᠷ᠎ᠨᠢ ᠲᠠᠯ᠎ᠠ ᠲᠠᠯ᠎ᠠ ᠵᠢᠨ᠎ᠬᠢᠨ᠎ᠤ ᠠᠰᠢᠭ ᠲᠤᠰᠠᠲᠠᠢ ᠬᠤᠯᠪᠤᠭᠳᠠᠵᠦ᠂ ᠬᠢᠨᠠᠯᠳᠠ ᠬᠠᠮᠢᠶᠠᠷᠤᠯᠳᠠ᠎ᠨᠢ ᠦᠨᠡᠨ ᠪᠤᠳᠠᠲᠠᠢ ᠪᠠᠢ᠌ᠵᠦ᠂ ᠦᠴᠤᠬᠡᠨ ᠴᠤ᠌ ᠬᠤᠳᠠᠯ ᠬᠠᠭᠤᠷᠮᠠᠭ ᠪᠠᠢ᠌ᠵᠦ ᠪᠤᠯᠳᠠᠭ ᠦᠬᠡᠢ᠃ ᠦᠢ᠍ᠯᠡᠳᠤᠯᠭᠡ ᠭᠡᠷᠡᠴᠢᠯᠡᠭᠰᠡᠨ ᠵᠶ᠋ᠡᠷ᠂ ᠭᠠᠭᠴᠠ᠎ᠬᠦ ᠦᠨᠡᠨ ᠪᠠᠢ᠌ᠳᠠᠯ᠎ᠢ ᠪᠠᠢ᠌ᠴᠠᠭ᠋ᠠᠨ ᠤᠢ᠌ᠯᠠᠭ᠋ᠠᠵᠦ᠂ ᠦᠨᠡᠨ ᠪᠤᠳᠠᠲᠠᠢ ᠠᠷᠭ᠎ᠠ ᠬᠡᠮᠵᠢᠶ᠎ᠡ ᠠᠪᠴᠤ᠂ ᠦᠨᠡᠨ ᠪᠤᠳᠠᠲᠠᠢ ᠠᠵᠢᠯ ᠬᠢᠵᠦ᠂ ᠦᠨᠡᠨ ᠪᠤᠳᠠᠲᠠᠢ ᠦᠷ᠎ᠡ ᠪᠦᠳᠤᠭᠡᠯ ᠤᠯᠪᠠᠯ ᠰᠠᠶᠢ ᠶᠠᠰᠤ ᠴᠢᠨᠠᠷ᠎ᠲᠤ ᠬᠢᠨᠠᠯᠳᠠ ᠳᠠᠯᠪᠢᠬᠤ ᠦᠢ᠍ᠯᠠᠰ᠎ᠤᠨ ᠡᠷᠡᠭᠦᠯ ᠵᠶ᠋ᠡᠷ ᠬᠦᠭᠵᠢᠬᠦ ᠵᠢ ᠠᠬᠢᠭᠤᠯᠵᠦ ᠴᠢᠳᠠᠨ᠎ᠠ᠃ ᠲᠦᠷᠪᠠ᠎ᠳᠤ ᠴᠢᠳᠠᠪᠤᠷᠢᠳᠠᠨ᠎ᠤ ᠡᠩᠨᠡᠭᠡᠨ᠎ᠤ ᠪᠠᠢ᠌ᠭᠤᠯᠤᠯᠳᠠ ᠪᠤᠯ ᠦᠷᠬᠦᠯᠵᠢᠯᠡᠨ ᠬᠦᠭᠵᠢᠭᠦᠯᠬᠦ ᠵᠢᠨ ᠨᠠᠢ᠌ᠳᠠᠪᠤᠷᠢᠲᠠᠢ ᠪᠠᠳᠤᠯᠠᠭ᠎ᠠ ᠮᠦᠨ᠃ ᠳᠡᠭᠡᠳᠤ ᠬᠡᠪ ᠪᠤᠯᠪᠠᠰᠤᠷᠠᠯ᠎ᠲᠠᠢ ᠺᠠᠳ᠋ᠷ᠎ᠤᠨ ᠡᠩᠨᠡᠭᠡ ᠵᠢ ᠲᠤᠷᠨᠢᠭᠤᠯᠤᠨ ᠪᠤᠢ᠌ᠵᠢᠭᠤᠯᠬᠤ ᠵᠢ ᠢᠮᠠᠭᠳᠠ ᠴᠢᠬᠤᠯᠠ ᠪᠠᠢ᠌ᠷᠢᠨ᠎ᠳᠤ ᠳᠠᠯᠪᠢᠵᠦ᠂ ᠠᠵᠢᠯ ᠬᠢᠬᠦ ᠲᠤᠷᠠᠲᠠᠢ᠂ ᠠᠵᠢᠯ ᠬᠢᠵᠦ ᠴᠢᠳᠠᠬᠤ᠂ ᠠᠵᠢᠯ ᠬᠢᠪᠡᠯ ᠪᠦᠳᠤᠭᠡᠬᠦ ᠤᠷᠴᠢᠨ ᠠᠬᠤᠢ ᠵᠢ ᠢᠳᠡᠪᠬᠢᠲᠠᠢ ᠪᠤᠢ ᠪᠤᠯᠭ᠋ᠠᠨ᠂ ᠨᠡᠯᠢᠶᠡᠳ ᠪᠦᠯᠦᠭ ᠮᠡᠷᠭᠡᠵᠢᠯ᠎ᠤᠨ ᠲᠤᠯᠭ᠋ᠠᠭᠤᠷᠢ ᠬᠦᠴᠤᠨ ᠪᠠ ᠲᠤᠰᠬᠠᠢ ᠮᠡᠷᠭᠡᠵᠢᠯ᠎ᠤᠨ ᠴᠢᠳᠠᠪᠤᠷᠢᠳᠠᠨ᠎ᠢ ᠤᠷᠤᠭᠤᠯᠤᠨ ᠠᠪᠴᠢᠷᠠᠵᠦ᠂ ᠬᠦᠮᠤᠵᠢᠭᠦᠯᠤᠨ ᠪᠤᠢ᠌ᠵᠢᠭᠤᠯᠵᠦ᠂ ᠲᠦᠪᠯᠡᠷᠡᠭᠦᠯᠤᠨ ᠴᠤᠭᠯᠠᠭᠤᠯᠪᠠ᠂ ᠡᠨᠡ ᠪᠤᠯ ᠠᠵᠢᠯ ᠦᠢ᠍ᠯᠡᠰ᠎ᠤᠨ ᠬᠦᠭᠵᠢᠯᠳᠡ ᠵᠢᠨ ᠪᠠᠷᠠᠭᠳᠠᠰᠢ ᠦᠬᠡᠢ ᠬᠦᠳᠡᠯᠭᠡᠬᠦ ᠬᠦᠴᠤᠨ ᠮᠦᠨ ᠪᠦᠭᠡᠳ ᠮᠠᠨ᠎ᠤ ᠡᠷᠬᠢᠮ ᠨᠠᠨᠳᠢᠨ ᠦᠪ ᠬᠦᠷᠤᠩᠭᠡ ᠮᠦᠨ᠃
[ᠬᠦᠳᠤᠯᠦᠭᠴᠢ] ᠬᠦᠭᠵᠢᠯᠳᠠ ᠵᠢ ᠠᠬᠢᠭᠤᠯᠬᠤ ᠵᠤᠭᠰᠤᠴᠠ᠎ᠪᠠᠨ ᠶᠠᠰᠤ ᠴᠢᠨᠠᠷ ᠪᠠ ᠦᠷ᠎ᠡ ᠠᠰᠢᠭ᠎ᠢ ᠳᠡᠭᠡᠭᠰᠢᠯᠡᠭᠦᠯᠬᠦ ᠳᠡᠭᠡᠷ᠎ᠡ ᠰᠢᠯᠵᠢᠭᠦᠯᠬᠦ ᠬᠡᠷᠡᠭᠲᠠᠢ ᠬᠡᠵᠦ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠲᠤᠳᠤᠷᠬᠠᠢ ᠳᠤᠷᠠᠳᠪᠠ᠂ ᠰᠢ ᠵᠢᠨ ᠫᠢᠩ ᠶᠡᠷᠦᠩᠬᠡᠢ ᠱᠦᠵᠢ 《ᠭᠤᠷᠪᠠ ᠵᠢ ᠬᠤᠪᠢᠷᠠᠭᠤᠯᠬᠤ》 ᠴᠢᠬᠤᠯᠠ ᠦᠬᠦᠯᠡᠯ ᠲᠤᠷᠠᠳᠴᠤ᠂ ᠯᠢ ᠺᠡ ᠴᠢᠶᠠᠩ ᠶᠡᠷᠦᠩᠬᠡᠢ ᠰᠠᠢ᠌ᠳ ᠪᠡᠭᠡᠵᠢᠩ᠎ᠳᠤ ᠪᠤᠯᠤᠭᠰᠠᠨ ᠳᠤᠮᠳᠠᠳᠤ ᠤᠯᠤᠰ᠎ᠤᠨ ᠶᠠᠰᠤ ᠴᠢᠨᠠᠷ᠎ᠤᠨ ᠶᠡᠬᠡ ᠬᠤᠷᠠᠯ ᠳᠡᠭᠡᠷ᠎ᠡ 《ᠬᠤᠯᠪᠤᠭᠳᠠᠭᠤᠯᠬᠤ᠂ ᠬᠠᠮᠢᠶᠠᠷᠬᠤ᠂ ᠵᠠᠰᠠᠬᠤ》 ᠶᠠᠰᠤ ᠴᠢᠨᠠᠷ᠎ᠤᠨ ᠠᠵᠢᠯ᠎ᠤᠨ ᠰᠢᠨ᠎ᠡ ᠬᠡᠪ ᠪᠠᠢ᠌ᠳᠠᠯ᠎ᠢ ᠲᠤᠷᠠᠳᠴᠤ᠂ ᠶᠠᠰᠤ ᠴᠢᠨᠠᠷ᠎ᠲᠤ ᠬᠢᠨᠠᠯᠳᠠ ᠳᠠᠯᠪᠢᠬᠤ ᠦᠢ᠍ᠯᠡᠰ᠎ᠲᠤ ᠤᠷᠢᠨ ᠲᠤᠯᠠᠭ᠋ᠠᠨ ᠬᠠᠪᠤᠷ᠎ᠢ ᠠᠪᠴᠢᠷᠠᠵᠦ ᠦᠭᠪᠠ᠃ ᠤᠳᠤᠬᠠᠨ᠎ᠳᠤ᠂ ᠮᠠᠨ᠎ᠤ ᠤᠯᠤᠰ᠎ᠤᠨ ᠠᠵᠦ ᠠᠬᠤᠢ ᠵᠢᠨ ᠬᠦᠭᠵᠢᠯᠳᠠ ᠰᠢᠨ᠎ᠡ ᠬᠡᠪ ᠪᠠᠢ᠌ᠳᠠᠯ᠎ᠳᠤ ᠤᠷᠤᠵᠦ᠂ ᠲᠦᠪ ᠪᠠ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ ᠰᠢᠨ᠎ᠡ ᠬᠡᠪ ᠪᠠᠢ᠌ᠳᠠᠯ᠎ᠤᠨ ᠲᠤᠬᠠᠢ ᠵᠠᠳᠠᠯᠤᠨ ᠮᠠᠭ᠋ᠠᠳᠯᠠᠯᠳᠠ ᠪᠠ ᠰᠢᠢ᠍ᠳᠪᠤᠷᠢᠳᠤ ᠪᠤᠳᠤᠯᠭ᠎ᠠ᠎ᠳᠠᠭᠠᠨ ᠴᠦᠮ ᠶᠠᠰᠤ ᠴᠢᠨᠠᠷ᠎ᠤᠨ ᠠᠵᠢᠯ᠎ᠳᠤ ᠲᠤᠳᠤᠷᠬᠠᠢ ᠱᠠᠭ᠋ᠠᠷᠳᠠᠯᠭ᠎ᠠ ᠲᠤᠷᠠᠳᠤᠭᠰᠠᠨ ᠪᠠᠢ᠌ᠨ᠎ᠠ᠃ ᠮᠠᠨ᠎ᠤ ᠶᠠᠰᠤ ᠴᠢᠨᠠᠷ᠎ᠲᠤ ᠬᠢᠨᠠᠯᠳᠠ ᠳᠠᠯᠪᠢᠬᠤ ᠲᠤᠪᠴᠢᠶ᠎ᠠ ᠰᠢᠨ᠎ᠡ ᠪᠠᠢ᠌ᠳᠠᠯ᠎ᠳᠤ ᠬᠢᠷᠬᠢᠨ ᠵᠤᠬᠢᠴᠠᠬᠤ ᠮᠦᠷᠳᠡᠭᠡᠨ ᠪᠠᠰᠠ ᠶᠠᠮᠠᠷ ᠲᠦᠯᠦᠪᠵᠢᠭᠦᠯᠭᠡ ᠪᠠᠢ᠌ᠬᠤ ᠪᠤᠢ?
[ᠭᠤᠤ ᠢᠩ ᠵᠢᠶᠸ] ᠪᠢᠳᠡ ᠤᠢ᠌ᠯᠠᠭ᠋ᠠᠵᠦ ᠮᠡᠳᠡᠬᠦ ᠢᠳᠡᠭᠡᠨ᠎ᠤ ᠵᠦᠢ᠍ᠯ᠎ᠢ ᠬᠢᠨᠠᠨ ᠬᠠᠮᠢᠶᠠᠷᠬᠤ ᠬᠦᠷᠢᠶᠡᠨ᠎ᠠᠴᠠ ᠤᠬᠤᠷᠢᠨ ᠭᠠᠷᠬᠤ᠎ᠳᠤ ᠬᠢᠨᠠᠨ ᠬᠠᠮᠢᠶᠠᠷᠬᠤ ᠭᠤᠤᠯᠳᠠᠯᠭ᠎ᠠ᠎ᠪᠠᠨ ᠲᠤᠬᠢᠷᠠᠭᠤᠯᠬᠤ ᠠᠰᠠᠭᠤᠳᠠᠯ ᠵᠠᠢ᠌ᠯᠠᠰᠢ ᠦᠬᠡᠢ ᠲᠤᠯᠭ᠋ᠠᠷᠠᠨᠠ; ᠡᠭᠴᠡ ᠬᠠᠮᠢᠶᠠᠷᠤᠯᠳᠠ ᠵᠢᠨ ᠪᠠᠢ᠌ᠭᠤᠯᠤᠯ᠎ᠢ ᠦᠬᠡᠢ᠌ᠰᠬᠡᠵᠦ᠂ ᠤᠷᠤᠨ ᠨᠤᠳᠤᠭ᠎ᠤᠨ ᠵᠠᠰᠠᠭ᠎ᠤᠨ ᠤᠷᠳᠤᠨ ᠱᠠᠳᠤ ᠬᠤᠪᠢᠶᠠᠨ ᠬᠠᠮᠢᠶᠠᠷᠬᠤ ᠵᠢ ᠬᠡᠷᠡᠭᠵᠢᠭᠦᠯᠬᠦ᠎ᠳᠤ ᠲᠤᠬᠢᠷᠠᠭᠤᠯᠤᠨ ᠵᠤᠬᠢᠴᠠᠬᠤ᠂ ᠰᠢᠨ᠎ᠡ ᠡᠮᠬᠢ ᠲᠢᠭᠯᠢᠮ᠎ᠢ ᠪᠠᠢ᠌ᠭᠤᠯᠬᠤ ᠶᠠᠪᠤᠴᠠ ᠵᠢ ᠵᠠᠢ᠌ᠯᠠᠰᠢ ᠦᠬᠡᠢ ᠦᠩᠬᠡᠷᠡᠭᠦᠯᠦᠨᠠ; ᠰᠢᠯᠭ᠋ᠠᠨ ᠪᠠᠢ᠌ᠴᠠᠭ᠋ᠠᠬᠤ ᠰᠢᠯᠭ᠋ᠠᠨ ᠬᠡᠮᠵᠢᠬᠦ ᠪᠠᠢ᠌ᠭᠤᠯᠤᠮᠵᠢ ᠵᠢ ᠨᠡᠢ᠌ᠯᠡᠬᠦᠯᠬᠦ ᠪᠠ ᠠᠵᠢᠯ ᠦᠢ᠍ᠯᠡᠰ᠎ᠤᠨ ᠨᠢᠭᠡᠴᠡ ᠵᠢ ᠲᠦᠷᠦᠯ ᠬᠤᠪᠢᠶᠠᠨ ᠦᠬᠡᠷᠡᠴᠢᠯᠡᠬᠦ᠎ᠨᠢ ᠲᠤᠭᠳᠠᠮᠠᠯ ᠠᠰᠢᠭ ᠲᠤᠰᠠ ᠵᠢᠨ ᠬᠡᠪ ᠪᠠᠢ᠌ᠳᠠᠯ᠎ᠢ ᠡᠪᠳᠡᠭᠰᠡᠨ ᠰᠢᠨ᠎ᠡ ᠬᠤᠯᠢᠯᠳᠤᠯᠢ ᠵᠠᠢ᠌ᠯᠠᠰᠢ ᠦᠬᠡᠢ ᠪᠤᠢ ᠪᠤᠯᠭ᠋ᠠᠨ᠎ᠠ; ᠦᠬᠡᠷᠡᠴᠢᠯᠠᠯᠳᠠ ᠵᠢ ᠪᠦᠬᠦ ᠲᠠᠯ᠎ᠠ᠎ᠪᠠᠷ ᠬᠦᠨᠵᠡᠭᠡᠢ᠌ᠷᠡᠬᠦᠯᠵᠦ᠂ ᠬᠠᠤᠯᠢ᠎ᠪᠠᠷ ᠵᠠᠰᠠᠬᠤ ᠪᠠᠢ᠌ᠭᠤᠯᠤᠯᠳᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ᠎ᠳᠤ ᠠᠵᠢᠯ᠎ᠤᠨ ᠠᠷᠭ᠎ᠠ ᠬᠡᠯᠪᠡᠷᠢ᠎ᠪᠠᠨ ᠵᠠᠢ᠌ᠯᠠᠰᠢ ᠦᠬᠡᠢ ᠬᠤᠪᠢᠰᠬᠠᠬᠤ ᠪᠤᠯᠤᠨ᠎ᠠ᠃ ᠡᠨᠡ ᠪᠤᠯ ᠳᠠᠷᠤᠢ ᠮᠠᠨ᠎ᠤ ᠶᠠᠰᠤ ᠴᠢᠨᠠᠷ᠎ᠲᠤ ᠬᠢᠨᠠᠯᠳᠠ ᠳᠠᠯᠪᠢᠬᠤ ᠰᠢᠰᠲᠸᠮ᠎ᠤᠨ ᠤᠳᠤᠬᠠᠨ᠎ᠤ ᠪᠠ ᠬᠤᠢ᠌ᠰᠢᠳᠠ ᠵᠢᠨ ᠨᠢᠭᠡᠨ ᠨᠡᠯᠢᠶᠡᠳ ᠤᠷᠳᠤ ᠬᠤᠭᠤᠴᠠᠭ᠋ᠠᠨ᠎ᠳᠤ ᠲᠤᠯᠭ᠋ᠠᠷᠠᠬᠤ 《ᠰᠢᠨ᠎ᠡ ᠬᠡᠪ ᠪᠠᠢ᠌ᠳᠠᠯ ᠪᠤᠯᠤᠨ᠎ᠠ》᠃
[ᠭᠤᠤ ᠢᠩ ᠵᠢᠶᠸ] ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ ᠪᠤᠯᠤᠨ ᠤᠯᠤᠰ᠎ᠤᠨ ᠶᠠᠰᠤ ᠴᠢᠨᠠᠷ᠎ᠤᠨ ᠪᠠᠢ᠌ᠴᠠᠭ᠋ᠠᠯᠳᠠ ᠵᠢᠨ ᠶᠡᠷᠦᠩᠬᠡᠢ ᠲᠤᠪᠴᠢᠶ᠎ᠠ ᠵᠢᠨ ᠪᠠᠢ᠌ᠷᠢᠯᠡᠭᠤᠯᠤᠯᠳᠠ ᠪᠠ ᠱᠠᠭ᠋ᠠᠷᠳᠠᠯᠭ᠎ᠠ᠎ᠪᠠᠷ᠂ ᠮᠠᠨ᠎ᠤ ᠪᠤᠳᠠᠲᠠᠢ ᠪᠠᠢ᠌ᠳᠠᠯ᠎ᠲᠠᠢ᠎ᠪᠠᠨ ᠤᠶᠠᠯᠳᠤᠭᠤᠯᠵᠦ᠂ ᠤᠳᠤᠬᠠᠨ᠎ᠤ ᠪᠠ ᠬᠤᠢ᠌ᠰᠢᠳᠠ ᠵᠢᠨ ᠨᠢᠭᠡᠨ ᠬᠤᠭᠤᠴᠠᠭ᠋ᠠᠨ᠎ᠤ ᠪᠦᠬᠦ ᠤᠷᠤᠨ᠎ᠤ ᠶᠠᠰᠤ ᠴᠢᠨᠠᠷ᠎ᠲᠤ ᠬᠢᠨᠠᠯᠳᠠ ᠳᠠᠯᠪᠢᠬᠤ ᠠᠵᠢᠯ᠎ᠤᠨ ᠶᠡᠷᠦᠩᠬᠡᠢ ᠴᠤᠭᠴᠠ ᠵᠢᠨ ᠰᠡᠳᠬᠢᠴᠡ ᠪᠤᠯᠤᠨ ᠱᠠᠭ᠋ᠠᠷᠳᠠᠯᠭ᠎ᠠ ᠪᠤᠯ᠄ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ ᠪᠤᠯᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠭᠤᠷᠪᠠ᠂ ᠲᠦᠷᠪᠠᠳᠤᠭᠡᠷ ᠪᠦᠭᠦᠳᠠ ᠬᠤᠷᠠᠯᠳᠤᠭ᠋ᠠᠨ᠂ ᠲᠦᠪ᠎ᠤᠨ ᠪᠠ ᠦᠪᠡᠷᠳᠡᠭᠡᠨ ᠵᠠᠰᠠᠬᠤ ᠤᠷᠤᠨ᠎ᠤ ᠠᠵᠦ ᠠᠬᠤᠢ ᠵᠢᠨ ᠠᠵᠢᠯ᠎ᠤᠨ ᠬᠤᠷᠠᠯ ᠵᠢᠴᠢ ᠪᠦᠬᠦ ᠤᠯᠤᠰ᠎ᠤᠨ ᠶᠠᠰᠤ ᠴᠢᠨᠠᠷ᠎ᠤᠨ ᠪᠠᠢ᠌ᠴᠠᠭ᠋ᠠᠯᠳᠠ ᠵᠢᠨ ᠠᠵᠢᠯ᠎ᠤᠨ ᠬᠤᠷᠠᠯ᠎ᠤᠨ ᠵᠤᠷᠢᠭ ᠰᠠᠨᠠᠭ᠎ᠠ ᠵᠢ ᠬᠦᠨᠵᠡᠭᠡᠢ ᠲᠤᠤᠱᠯᠠᠭᠤᠯᠵᠦ᠂ ᠦᠪᠡᠷᠳᠡᠭᠡᠨ ᠵᠠᠰᠠᠬᠤ ᠤᠷᠤᠨ᠎ᠤ 《8337》 ᠬᠦᠭᠵᠢᠬᠦᠯᠦᠯᠳᠠ ᠵᠢᠨ ᠰᠡᠳᠬᠢᠴᠡ ᠵᠢ ᠬᠢᠨᠠᠮᠠᠭ᠋ᠠᠢ ᠳᠤᠤᠱᠯᠠᠭᠤᠯᠤᠨ ᠨᠠᠢ᠌ᠳᠠᠪᠤᠷᠢᠵᠢᠭᠤᠯᠵᠦ᠂ ᠶᠠᠰᠤ ᠴᠢᠨᠠᠷ ᠪᠠ ᠦᠷ᠎ᠡ ᠠᠰᠢᠭ ᠵᠶ᠋ᠡᠷ ᠭᠤᠤᠯ ᠪᠤᠯᠭ᠋ᠠᠬᠤ ᠵᠢ ᠪᠠᠷᠢᠮᠳᠠᠯᠠᠵᠦ᠂ 《ᠠᠷᠠᠳ᠎ᠤᠨ ᠠᠮᠢᠳᠤᠷᠠᠯ ᠵᠶ᠋ᠡᠷ ᠦᠨᠳᠤᠰᠤ ᠪᠤᠯᠭ᠋ᠠᠵᠦ᠂ ᠠᠷᠠᠳ᠎ᠤᠨ ᠢᠳᠡᠭᠡᠯ ᠵᠶ᠋ᠡᠷ ᠡᠷᠬᠢᠮ ᠪᠤᠯᠭ᠋ᠠᠬᠤ》 ᠭᠤᠤᠯᠯᠠᠭᠴᠢ ᠦᠵᠡᠯᠳᠡ ᠵᠢ ᠪᠠᠷᠢᠮᠳᠠᠯᠠᠵᠦ᠂ 《ᠶᠠᠰᠤ ᠴᠢᠨᠠᠷ᠎ᠢ ᠠᠳᠬᠤᠬᠤ᠂ ᠠᠮᠤᠷ ᠲᠦᠪᠰᠢᠨ᠎ᠢ ᠪᠠᠳᠤᠯᠠᠬᠤ᠂ ᠬᠦᠭᠵᠢᠯᠳᠠ ᠵᠢ ᠠᠬᠢᠭᠤᠯᠬᠤ᠂ ᠶᠠᠰᠤ ᠴᠢᠨᠠᠷ᠎ᠲᠤ ᠬᠢᠨᠠᠯᠳᠠ ᠳᠠᠯᠪᠢᠬᠤ ᠵᠢ ᠴᠢᠩᠭ᠋ᠠᠳᠬᠠᠬᠤ》 ᠠᠵᠢᠯ᠎ᠤᠨ ᠴᠢᠭᠯᠡᠯᠳᠠ ᠵᠢ ᠪᠠᠷᠢᠮᠳᠠᠯᠠᠵᠦ᠂ 《ᠶᠠᠰᠤ ᠴᠢᠨᠠᠷ᠎ᠤᠨ ᠭᠤᠤᠯ ᠰᠡᠳᠤᠪ᠎ᠢ ᠲᠤᠪᠤᠢ᠌ᠯᠭ᠋ᠠᠬᠤ᠂ ᠠᠮᠤᠷ ᠲᠦᠪᠰᠢᠨ᠎ᠤ ᠰᠡᠷᠭᠡᠢ᠌ᠯᠡᠯᠳᠠ ᠵᠢᠨ ᠱᠤᠭᠤᠮ᠎ᠢ ᠪᠡᠬᠢᠯᠡᠬᠦ᠂ ᠠᠵᠢᠯ᠎ᠤᠨ ᠬᠡᠯᠪᠡᠷᠢ᠎ᠪᠠᠨ ᠬᠤᠪᠢᠷᠠᠭᠤᠯᠬᠤ᠂ ᠦᠢ᠍ᠯᠡᠴᠢᠯᠡᠭᠡᠨ᠎ᠤ ᠬᠢᠷᠢ ᠲᠦᠪᠰᠢᠨ ᠵᠶ᠋ᠡᠨ ᠳᠡᠭᠡᠭᠰᠢᠯᠡᠭᠦᠯᠬᠦ》 ᠠᠵᠢᠯ᠎ᠤᠨ ᠶᠡᠷᠦᠩᠬᠡᠢ ᠬᠦᠭ ᠠᠶᠠᠰ ᠵᠶ᠋ᠡᠷ ᠰᠢᠨ᠎ᠡ ᠬᠡᠪ ᠪᠠᠢ᠌ᠳᠠᠯ᠂ ᠰᠢᠨ᠎ᠡ ᠪᠠᠢ᠌ᠭᠤᠯᠤᠯ ᠳᠤᠤᠷᠠᠬᠢ ᠠᠵᠢᠯ᠎ᠤᠨ ᠰᠢᠨ᠎ᠡ ᠲᠤᠭᠳᠠᠴᠠ ᠵᠢ ᠰᠦᠪᠡᠭᠴᠢᠯᠡᠨ ᠪᠠᠢ᠌ᠭᠤᠯᠵᠦ᠂ ᠶᠠᠰᠤ ᠴᠢᠨᠠᠷ᠎ᠲᠤ ᠬᠢᠨᠠᠯᠳᠠ ᠲᠠᠯᠪᠢᠬᠤ ᠦᠢ᠍ᠯᠡᠰ᠎ᠤᠨ ᠰᠢᠨ᠎ᠡ ᠦᠰᠤᠷᠤᠯᠳᠠ ᠵᠢ ᠪᠠᠶᠡᠯᠡᠬᠦᠯᠬᠦ ᠶᠠᠪᠤᠳᠠᠯ ᠪᠤᠯᠤᠨ᠎ᠠ᠃
[ᠬᠦᠳᠤᠯᠦᠭᠴᠢ] ᠭᠤᠤ ᠳᠠᠷᠤᠭ᠎ᠠ ᠡ᠂ ᠲᠠ ᠮᠠᠨ᠎ᠤ ᠰᠦᠯᠵᠢᠶᠡᠨ ᠠᠨᠳᠠ ᠨᠠᠷ᠎ᠲᠤ ᠲᠠ᠎ᠨᠠᠷ ᠶᠠᠮᠠᠷ ᠠᠵᠢᠯ᠎ᠤᠨ ᠬᠠᠷᠠᠯᠳᠠ᠎ᠲᠠᠢ ᠪᠠᠢ᠌ᠬᠤ᠎ᠪᠠᠨ ᠶᠠᠷᠢᠭ᠋ᠠᠳ ᠦᠭᠬᠦᠨᠡᠤ?
[ᠭᠤᠤ ᠢᠩ ᠵᠢᠶᠸ] ᠵᠠ ᠳᠡᠭᠡᠶ᠎ᠡ᠂ ᠦᠪᠤᠷ ᠮᠤᠩᠭᠤᠯ᠎ᠤᠨ ᠶᠠᠰᠤ ᠴᠢᠨᠠᠷ᠎ᠲᠤ ᠬᠢᠨᠠᠯᠳᠠ ᠳᠠᠯᠪᠢᠬᠤ ᠰᠢᠰᠲᠸᠮ᠎ᠤᠨ 《ᠠᠷᠪᠠᠨ ᠭᠤᠷᠪᠠᠳᠤᠭ᠋ᠠᠷ ᠲᠠᠪᠤ》 ᠵᠢᠨ ᠰᠡᠭᠦᠯᠴᠢ ᠵᠢᠨ ᠬᠤᠭᠤᠴᠠᠭ᠎ᠠ ᠪᠤᠯᠳᠠᠯᠠᠬᠢ ᠲᠡᠮᠡᠴᠡᠬᠦ ᠬᠠᠷᠠᠯᠳᠠ ᠬᠡᠪᠡᠯ᠄ ᠱᠠᠳᠤ ᠬᠤᠪᠢᠶᠠᠨ ᠬᠠᠮᠢᠶᠠᠷᠬᠤ ᠪᠠᠢ᠌ᠭᠤᠯᠤᠯ᠎ᠳᠤ ᠵᠤᠬᠢᠴᠠᠭᠰᠠᠨ ᠶᠠᠰᠤ ᠴᠢᠨᠠᠷ᠎ᠲᠤ ᠬᠢᠨᠠᠯᠳᠠ ᠳᠠᠯᠪᠢᠬᠤ ᠠᠵᠢᠯ᠎ᠤᠨ ᠠᠵᠢᠯᠯᠠᠭ᠋ᠠᠨ᠎ᠤ ᠲᠤᠭᠳᠠᠴᠠ ᠵᠢ ᠪᠦᠬᠦ ᠲᠠᠯ᠎ᠠ᠎ᠪᠠᠷ ᠪᠠᠢ᠌ᠭᠤᠯᠵᠦ᠂ ᠶᠠᠰᠤ ᠴᠢᠨᠠᠷ᠎ᠲᠤ ᠬᠢᠨᠠᠯᠳᠠ ᠳᠠᠯᠪᠢᠬᠤ ᠰᠠᠯᠠᠭ᠎ᠠ ᠮᠦᠴᠢᠷ᠎ᠤᠨ ᠬᠦᠭᠵᠢᠯᠳᠡ᠎ᠳᠤ ᠦᠢ᠍ᠯᠡᠴᠢᠯᠡᠬᠦ ᠴᠢᠳᠠᠪᠤᠷᠢ ᠵᠢ ᠢᠯᠠᠳᠳᠠ ᠨᠡᠮᠡᠭᠳᠡᠭᠦᠯᠵᠦ᠂ ᠠᠵᠦ ᠠᠬᠤᠢ ᠨᠡᠢ᠌ᠭᠡᠮ᠎ᠤᠨ ᠬᠦᠭᠵᠢᠯᠳᠡ᠎ᠳᠤ ᠶᠠᠰᠤ ᠴᠢᠨᠠᠷ᠎ᠤᠨ ᠬᠠᠮᠢᠶᠠᠷᠤᠯᠳᠠ᠂ ᠬᠡᠮᠵᠢᠯᠳᠠ᠂ ᠪᠷᠢᠮᠵᠢᠶᠠᠭᠤᠯᠤᠯᠳᠠ᠂ ᠵᠦᠪᠰᠢᠶᠡᠷᠡᠯ ᠦᠨᠡᠯᠡᠯᠳᠠ᠂ ᠰᠢᠯᠭ᠋ᠠᠨ ᠪᠠᠢ᠌ᠴᠠᠭ᠋ᠠᠯᠳᠠ ᠰᠢᠯᠭ᠋ᠠᠨ ᠬᠡᠮᠵᠢᠯᠳᠠ᠎ᠠᠴᠠ ᠬᠤᠪᠢ ᠨᠡᠮᠡᠷᠢ ᠦᠵᠡᠭᠦᠯᠬᠦ ᠨᠤᠷᠮ᠎ᠠ ᠵᠢ ᠢᠯᠡᠳᠳᠠ ᠳᠡᠭᠡᠭᠰᠢᠯᠡᠬᠦᠯᠵᠦ᠂ ᠶᠠᠰᠤ ᠴᠢᠨᠠᠷ᠎ᠢ ᠬᠠᠮᠳᠤ᠎ᠪᠠᠷ ᠵᠠᠰᠠᠬᠤ ᠬᠡᠪ ᠪᠠᠢ᠌ᠳᠠᠯ᠎ᠢ ᠦᠨᠳᠤᠰᠤᠨ᠎ᠳᠡᠭᠡᠨ ᠪᠤᠢ ᠪᠤᠯᠭ᠋ᠠᠨ᠎ᠠ᠃ ᠪᠦᠬᠦ ᠤᠷᠤᠨ᠎ᠤ ᠶᠠᠰᠤ ᠴᠢᠨᠠᠷ᠎ᠲᠤ ᠬᠢᠨᠠᠯᠳᠠ ᠳᠠᠯᠪᠢᠬᠤ ᠰᠢᠰᠲᠸᠮ᠎ᠤᠨ ᠶᠡᠷᠦᠩᠬᠡᠢ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠪᠦᠬᠦ ᠤᠯᠤᠰ᠎ᠤᠨ ᠶᠠᠰᠤ ᠴᠢᠨᠠᠷ᠎ᠲᠤ ᠬᠢᠨᠠᠯᠳᠠ ᠳᠠᠯᠪᠢᠬᠤ ᠰᠢᠰᠲᠸᠮ᠎ᠤᠨ ᠳᠤᠮᠳᠠ ᠵᠡᠷᠭᠡ ᠵᠢᠨ ᠬᠢᠷᠢ ᠲᠦᠪᠰᠢᠨ᠎ᠳᠤ ᠬᠦᠷᠦᠭᠦᠯᠵᠦ᠂ 《ᠦᠪᠤᠷ ᠮᠤᠩᠭᠤᠯ᠎ᠤᠨ ᠡᠭᠦᠳᠤᠯᠳᠠ》᠂ 《ᠦᠪᠤᠷ ᠮᠤᠩᠭᠤᠯ᠎ᠤᠨ ᠶᠠᠰᠤ ᠴᠢᠨᠠᠷ》᠂ 《ᠦᠪᠤᠷ ᠮᠤᠩᠭᠤᠯ᠎ᠤᠨ ᠨᠡᠷᠡᠳᠤ ᠲᠡᠮᠳᠡᠭ》᠎ᠢ ᠪᠠᠢ᠌ᠭᠤᠯᠬᠤ ᠵᠢ ᠠᠬᠢᠭᠤᠯᠬᠤ ᠭᠤᠤᠯ ᠰᠠᠯᠠᠭ᠎ᠠ ᠮᠦᠴᠢᠷ ᠪᠠ ᠠᠵᠦ ᠠᠬᠤᠢ ᠵᠢᠨ ᠶᠠᠰᠤ ᠴᠢᠨᠠᠷ᠎ᠢ ᠳᠡᠭᠡᠭᠰᠢᠯᠡᠭᠦᠯᠤᠨ ᠦᠷ᠎ᠡ ᠠᠰᠢᠭ᠎ᠢ ᠨᠡᠮᠡᠭᠳᠡᠭᠦᠯᠤᠨ ᠲᠡᠰ ᠦᠰᠭᠡᠬᠦ ᠵᠢᠨ ᠴᠢᠬᠤᠯᠠ ᠬᠦᠴᠤᠨ ᠪᠤᠯᠭ᠋ᠠᠬᠤ ᠶᠠᠪᠤᠳᠠᠯ ᠪᠤᠯᠤᠨ᠎ᠠ᠃
[ᠬᠦᠳᠤᠯᠦᠭᠴᠢ] ᠳᠠᠭᠡᠪᠡᠯ᠂ ᠳᠡᠭᠡᠷᠡᠬᠢ ᠬᠠᠷᠠᠯᠳᠠ ᠵᠢ ᠶᠠᠭ᠋ᠠᠬᠢᠪᠠᠯ ᠰᠠᠶᠢ ᠪᠠᠶᠠᠯᠡᠬᠦᠯᠵᠦ ᠴᠢᠳᠠᠬᠤ ᠪᠤᠢ?
[ᠭᠤᠤ ᠢᠩ ᠵᠢᠶᠸ] ᠳᠡᠭᠡᠷᠡᠬᠢ ᠬᠠᠷᠠᠯᠳᠠ ᠵᠢ ᠪᠡᠶᠡᠯᠡᠬᠦᠯᠦᠶ᠎ᠡ ᠭᠡᠪᠡᠯ᠂ ᠪᠢᠳᠡ ᠡᠷᠬᠡᠪᠰᠢ ᠦᠵᠡᠯ ᠳᠠᠨᠢᠯᠳᠠ᠎ᠪᠠᠨ ᠳᠡᠭᠡᠭᠰᠢᠯᠡᠬᠦᠯᠵᠦ᠂ ᠰᠢᠨ᠎ᠡ ᠬᠡᠪ ᠪᠠᠢ᠌ᠳᠠᠯ᠎ᠤᠨ ᠦᠵᠡᠯ ᠰᠠᠨᠠᠭ᠋ᠠᠨ᠎ᠤ ᠳᠤᠳᠤᠭ᠋ᠠᠳᠤ ᠠᠭᠤᠯᠬᠤᠨ ᠪᠠ ᠦᠢ᠍ᠯᠡᠳᠤᠯᠭᠡ ᠵᠢᠨ ᠱᠠᠭ᠋ᠠᠷᠳᠠᠯᠭ᠎ᠠ ᠵᠢ ᠤᠨᠤᠪᠴᠢᠲᠠᠢ ᠡᠵᠡᠮᠰᠢᠵᠦ᠂ ᠦᠵᠠᠯᠳᠠ ᠳᠠᠨᠢᠯᠳᠠ ᠵᠠᠪᠠᠯ ᠦᠨᠳᠤᠷ ᠲᠦᠪᠰᠢᠨ᠎ᠳᠤ ᠬᠦᠷᠦᠭᠰᠡᠨ ᠪᠠᠢ᠌ᠬᠤ ᠬᠡᠷᠡᠭᠲᠠᠢ; ᠪᠢᠳᠡ ᠡᠷᠬᠡᠪᠰᠢ ᠦᠬᠡᠷᠡᠴᠢᠯᠡᠬᠦ ᠰᠢᠨ᠎ᠡ ᠵᠢ ᠡᠭᠦᠳᠬᠦ ᠳᠡᠭᠡᠷ᠎ᠡ ᠬᠦᠴᠤ ᠳᠠᠯᠪᠢᠵᠦ᠂ ᠦᠬᠡᠷᠡᠴᠢᠯᠠᠯᠳᠠ ᠬᠢᠬᠦ ᠪᠠ ᠬᠠᠤᠯᠢ᠎ᠪᠠᠷ ᠵᠠᠰᠠᠬᠤ ᠵᠤᠷᠢᠭ ᠰᠠᠨᠠᠭ᠎ᠠ᠎ᠪᠠᠷ ᠵᠠᠰᠠᠭ ᠵᠠᠬᠢᠷᠭ᠋ᠠᠨ᠎ᠤ ᠬᠡᠯᠪᠡᠷᠢ᠂ ᠬᠢᠨᠠᠨ ᠬᠠᠮᠢᠶᠠᠷᠬᠤ ᠬᠡᠯᠪᠡᠷᠢ ᠵᠢ ᠲᠦᠷᠭᠡᠨ ᠬᠤᠪᠢᠷᠠᠭᠤᠯᠬᠤ ᠬᠡᠷᠡᠭᠲᠠᠢ; ᠪᠢᠳᠡ ᠡᠷᠬᠡᠪᠰᠢ ᠤᠷᠢᠳᠴᠢᠯᠠᠨ ᠠᠷᠭ᠎ᠠ ᠰᠦᠪᠡᠭᠴᠢᠯᠡᠵᠦ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠦ᠂ ᠰᠢᠨ᠎ᠠ ᠴᠠᠭ ᠲᠤᠬᠢᠶᠠᠯ᠎ᠢ ᠵᠠᠪᠳᠤᠵᠦ᠂ ᠰᠢᠨ᠎ᠠ ᠦᠷᠢᠰᠤᠯᠳᠤᠭᠡᠨ᠎ᠢ ᠤᠭᠳᠤᠬᠤ ᠬᠡᠷᠡᠭᠲᠠᠢ᠃ ᠤᠳᠤᠬᠠᠨ ᠪᠠ ᠬᠤᠢ᠌ᠰᠢᠳᠠ ᠵᠢᠨ ᠨᠢᠬᠡᠨ ᠬᠤᠭᠤᠴᠠᠭ᠋ᠠᠨ᠎ᠳᠤ ᠤᠨᠴᠠᠭ᠋ᠠᠢ᠌ᠯᠠᠨ ᠬᠦᠴᠤᠨ ᠴᠢᠳᠠᠯ ᠵᠶ᠋ᠡᠨ ᠲᠦᠪᠯᠡᠷᠡᠭᠦᠯᠦᠨ ᠭᠤᠷᠪᠠᠨ ᠲᠤᠮᠤ ᠶᠠᠪᠤᠳᠠᠯ᠎ᠢ ᠭᠤᠤᠯᠳᠠᠯᠭ᠎ᠠ᠎ᠲᠠᠢ ᠰᠠᠢ᠌ᠨ ᠬᠢᠬᠦ ᠬᠡᠷᠡᠭᠲᠠᠢ ᠃
[ᠬᠦᠳᠤᠯᠦᠭᠴᠢ] ᠲᠡᠷᠡ᠎ᠨᠢ ᠠᠯᠢ ᠭᠤᠷᠪᠠᠨ ᠲᠤᠮᠤ ᠶᠠᠪᠤᠳᠠᠯ ᠪᠤᠢ?
[ᠭᠤᠤ ᠢᠩ ᠵᠢᠶᠸ] ᠭᠤᠤᠯ᠎ᠨᠢ ᠳᠤᠤᠷᠠᠬᠢ ᠭᠤᠷᠪᠠᠨ ᠲᠤᠮᠤ ᠶᠠᠪᠤᠳᠠᠯ ᠪᠤᠯᠤᠨ᠎ᠠ᠄
(ᠨᠢᠭᠡ) ᠬᠦᠭᠵᠢᠯᠳᠠ᠎ᠳᠤ ᠦᠢ᠍ᠯᠡᠴᠢᠯᠡᠬᠦ ᠪᠦᠳᠤᠮᠵᠢᠳᠤ ᠴᠢᠨᠠᠷ᠎ᠢ ᠳᠡᠭᠡᠭᠰᠢᠯᠡᠬᠦᠯᠵᠦ᠂ ᠤᠷᠤᠨ ᠨᠤᠳᠤᠭ᠎ᠤᠨ ᠠᠵᠦ ᠠᠬᠤᠢ ᠨᠡᠢ᠌ᠭᠡᠮ᠎ᠤᠨ ᠬᠦᠭᠵᠢᠯᠳᠠ ᠵᠢᠨ ᠶᠡᠬᠡ ᠪᠠᠢ᠌ᠳᠠᠯ᠎ᠯᠤᠭ᠎ᠠ ᠨᠡᠪᠴᠢᠨ ᠰᠢᠮᠡᠳᠬᠦ ᠵᠢ ᠡᠷᠢᠯᠬᠢᠯᠡᠨ᠎ᠡ᠃ ᠤᠳᠤᠬᠠᠨ᠎ᠳᠤ᠂ ᠶᠠᠰᠤ ᠴᠢᠨᠠᠷ᠎ᠲᠤ ᠬᠢᠨᠠᠯᠳᠠ ᠳᠠᠯᠪᠢᠬᠤ ᠦᠢ᠍ᠯᠡᠰ᠎ᠤᠨ ᠬᠦᠭᠵᠢᠯᠳᠠ ᠵᠢ ᠬᠢᠵᠠᠭ᠋ᠠᠷᠯᠠᠵᠦ ᠪᠠᠢ᠌ᠭ᠎ᠠ ᠭᠤᠤᠯ ᠵᠦᠷᠢᠴᠡᠯ ᠪᠤᠯ ᠮᠦᠨᠬᠦ ᠪᠢᠳᠡᠨ᠎ᠤ ᠰᠡᠳᠬᠢᠴᠡ ᠦᠷᠭᠡᠨ ᠪᠢᠰᠢ᠂ ᠬᠠᠭᠤᠴᠢᠨ ᠬᠡᠪᠰᠢᠮᠡᠯ ᠦᠵᠡᠯ ᠳᠠᠨᠢᠯᠳᠠ ᠮᠦᠨᠬᠦ ᠤᠷᠤᠰᠢᠵᠦ ᠪᠠᠢ᠌ᠬᠤ ᠠᠰᠠᠭᠤᠳᠠᠯ ᠪᠤᠯᠤᠨ᠎ᠠ᠃ ᠶᠠᠰᠤ ᠴᠢᠨᠠᠷ᠎ᠲᠤ ᠬᠢᠨᠠᠯᠳᠠ ᠳᠠᠯᠪᠢᠬᠤ ᠰᠢᠰᠲᠸᠮ᠎ᠨᠢ ᠬᠡᠳᠤᠢ᠌ᠪᠡᠷ ᠲᠤᠰᠬᠠᠢ ᠮᠡᠷᠭᠡᠵᠢᠯ᠎ᠤᠨ ᠰᠠᠯᠠᠭ᠎ᠠ ᠮᠦᠴᠢᠷ ᠪᠤᠯᠬᠤ ᠪᠤᠯᠪᠠᠴᠤ ᠶᠠᠰᠤ ᠴᠢᠨᠠᠷ᠎ᠲᠤ ᠬᠢᠨᠠᠯᠳᠠ ᠳᠠᠯᠪᠢᠬᠤ ᠠᠵᠢᠯ᠎ᠢ ᠰᠠᠢ᠌ᠳᠤᠷ ᠠᠳᠬᠤᠵᠦ᠂ ᠦᠢ᠍ᠯᠡᠰ᠎ᠤᠨ ᠬᠦᠭᠵᠢᠯᠳᠠ ᠵᠢ ᠠᠬᠢᠭᠤᠯᠬᠤ᠎ᠳᠤ ᠡᠷᠬᠡᠪᠰᠢ 《ᠦᠪᠡᠷ᠎ᠨᠢ ᠦᠪᠡᠷ᠎ᠢ᠎ᠪᠠᠨ ᠠᠳᠬᠤᠬᠤ》 ᠬᠦᠷᠢᠶ᠎ᠡ᠎ᠠᠴᠠ ᠦᠰᠤᠷᠤᠨ ᠭᠠᠷᠴᠤ᠂ ᠡᠷᠬᠡᠪᠰᠢ ᠲᠤᠰ ᠭᠠᠵᠠᠷ ᠤᠷᠤᠨ᠎ᠤ ᠠᠵᠦ ᠠᠬᠤᠢ ᠵᠢᠨ ᠬᠦᠭᠵᠢᠬᠦᠯᠦᠯᠳᠠ ᠵᠢᠨ ᠪᠦᠳᠤᠭᠡᠨ ᠪᠠᠢ᠌ᠭᠤᠯᠤᠯᠳᠠ᠎ᠳᠤ ᠰᠠᠨᠠᠭ᠋ᠠᠴᠢᠯᠠᠭ᠎ᠠ᠎ᠠᠴᠠ᠎ᠪᠠᠨ ᠨᠡᠪᠴᠢᠨ ᠰᠢᠮᠡᠳᠬᠦ ᠬᠡᠷᠡᠭᠲᠠᠢ᠂ ᠡᠨᠡᠬᠦ ᠡᠭᠦᠰᠤᠯᠳᠠ ᠪᠤᠯᠤᠨ ᠵᠤᠭᠰᠤᠴᠠ᠎ᠠᠴᠠ ᠰᠠᠯᠪᠠᠯ᠂ ᠪᠠᠳᠡ ᠳᠠᠷᠤᠢ ᠠᠵᠢᠯ᠎ᠤᠨ ᠴᠢᠭᠯᠡᠯᠠᠴᠠᠪᠠᠨ ᠰᠠᠯᠵᠦ᠂ ᠭᠤᠤᠯ ᠪᠠᠢ᠌ᠯᠳᠤᠭ᠋ᠠᠨ᠎ᠤ ᠲᠠᠯᠠᠪᠤᠷ ᠪᠠ ᠡᠷᠳᠡᠮ ᠴᠢᠳᠠᠪᠤᠷᠢ᠎ᠪᠠᠨ ᠭᠠᠷᠭ᠋ᠠᠬᠤ ᠲᠤᠮᠤ ᠲᠠᠪᠴᠠᠩ ᠵᠶ᠋ᠡᠨ ᠠᠯᠳᠠᠵᠦ᠂ ᠲᠤᠬᠠᠢ᠌ᠯᠠᠭᠰᠠᠨ ᠠᠵᠢᠯ᠎ᠢ ᠠᠳᠬᠤᠬᠤ ᠲᠤᠳᠤᠮ ᠴᠦᠬᠡᠭᠡᠷᠡᠵᠦ᠂ ᠠᠵᠢᠯ ᠦᠢ᠍ᠯᠡᠰ᠎ᠢ ᠬᠢᠬᠦ ᠳᠤᠳᠤᠮ ᠪᠠᠭ᠋ᠠᠰᠴᠤ᠂ ᠡᠴᠤᠰ᠎ᠲᠡᠭᠡᠨ ᠰᠠᠨᠠᠭ᠋ᠠᠴᠢᠯᠠᠭ᠋ᠠᠳᠤ ᠪᠤᠰᠤ ᠪᠠᠢ᠌ᠷᠢᠨ᠎ᠳᠤ ᠤᠷᠤᠬᠤ ᠪᠤᠯᠤᠨ᠎ᠠ᠃ ᠡᠭᠦᠷᠭᠡ ᠬᠠᠷᠢᠭᠤᠴᠠᠯᠭ᠎ᠠ᠎ᠪᠠᠨ ᠲᠤᠤᠱᠲᠠᠢ ᠭᠦᠢ᠍ᠴᠡᠳᠭᠡᠬᠦ᠎ᠳᠤ ᠡᠷᠬᠡᠪᠰᠢ ᠭᠤᠤᠯ ᠠᠵᠢᠯ᠎ᠲᠠᠢ ᠤᠶᠠᠯᠳᠤᠭᠤᠯᠤᠨ᠂ ᠶᠡᠬᠡ ᠲᠠᠯ᠎ᠠ᠎ᠳᠤ ᠦᠢ᠍ᠯᠡᠴᠢᠯᠡᠬᠦ ᠬᠡᠷᠡᠭᠲᠠᠢ᠃ ᠪᠢᠳᠠ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ᠎ᠤ ᠰᠢᠢ᠍ᠳᠪᠤᠷᠢᠳᠤ ᠪᠤᠳᠤᠯᠭ᠎ᠠ ᠵᠢᠨ ᠪᠠᠢ᠌ᠷᠢᠯᠠᠭᠤᠯᠤᠯᠳᠠ ᠵᠢ ᠢᠮᠠᠭᠳᠠ ᠮᠦᠷᠳᠡᠨ ᠳᠠᠭ᠋ᠠᠵᠦ᠂ ᠶᠠᠰᠤ ᠴᠢᠨᠠᠷ᠎ᠲᠤ ᠬᠢᠨᠠᠯᠳᠠ ᠳᠠᠯᠪᠢᠬᠤ ᠠᠵᠢᠯ᠎ᠢ ᠤᠷᠤᠨ ᠨᠤᠳᠤᠭ᠎ᠤᠨ ᠠᠵᠦ ᠠᠬᠤᠢ ᠨᠡᠢ᠌ᠭᠡᠮ᠎ᠤᠨ ᠬᠦᠭᠵᠢᠯᠳᠠ ᠵᠢᠨ ᠶᠡᠬᠡ ᠲᠠᠯ᠎ᠠ᠎ᠳᠤ ᠨᠡᠩ ᠰᠠᠨᠠᠭ᠋ᠠᠴᠢᠯᠠᠭ᠎ᠠ᠎ᠠᠴᠠ᠎ᠪᠠᠨ ᠰᠢᠮᠡᠳᠭᠡᠨ ᠲᠡᠭᠦᠨ ᠵᠶ᠋ᠡᠨ ᠪᠤᠳᠤᠯᠬᠢᠯᠡᠵᠦ᠂ ᠠᠷᠭ᠎ᠠ ᠤᠬᠠᠭ᠋ᠠᠨ ᠰᠦᠪᠡᠭᠴᠢᠯᠡᠵᠦ᠂ ᠲᠡᠭᠦᠨ ᠵᠶ᠋ᠡᠨ ᠠᠬᠢᠭᠤᠯᠵᠦ᠂ ᠤᠷᠤᠨ ᠨᠤᠳᠤᠭ᠎ᠲᠤ ᠦᠢ᠍ᠯᠡᠴᠢᠯᠡᠬᠦ᠂ ᠬᠦᠭᠵᠢᠯᠳᠠ᠎ᠳᠤ ᠦᠢ᠍ᠯᠡᠴᠢᠯᠡᠬᠦ᠂ ᠠᠷᠠᠳ᠎ᠤᠨ ᠠᠮᠢᠳᠤᠷᠠᠯ᠎ᠳᠤ ᠦᠢ᠍ᠯᠡᠴᠢᠯᠡᠬᠦ ᠡᠯ᠎ᠡ ᠲᠦᠷᠦᠯ᠎ᠤᠨ ᠠᠵᠢᠯ᠎ᠢ ᠨᠡᠩ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠵᠦ᠂ ᠤᠷᠤᠨ ᠨᠤᠳᠤᠭ᠎ᠤᠨ ᠭᠤᠤᠯ ᠠᠵᠢᠯ᠎ᠯᠤᠭ᠎ᠠ 《ᠨᠢᠭᠡᠨ ᠬᠦᠯᠬᠡ ᠰᠢᠳᠠᠷ᠎ᠠ
] ᠮᠡᠳᠤ ᠪᠤᠯᠭ᠋ᠠᠵᠦ᠂ 《ᠨᠢᠭᠡ ᠴᠤᠭᠴᠠᠵᠢᠭᠤᠯᠤᠯᠳᠠ》 ᠵᠢ ᠪᠡᠶᠡᠯᠡᠭᠦᠯᠤᠨ᠎ᠠ᠃ ᠪᠤᠳᠠᠲᠠᠢ᠎ᠪᠠᠷ ᠬᠡᠯᠡᠪᠡᠯ᠂ ᠦᠪᠡᠷᠳᠡᠭᠡᠨ ᠵᠠᠰᠠᠬᠤ ᠤᠷᠤᠨ᠎ᠤ 《8337》 ᠬᠦᠭᠵᠢᠬᠦᠯᠦᠯᠳᠠ ᠵᠢᠨ ᠰᠡᠳᠬᠢᠴᠡ᠎ᠲᠠᠢ ᠨᠢᠭᠳᠠ ᠤᠶᠠᠯᠳᠤᠭᠤᠯᠵᠦ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠶᠢᠰᠤᠳᠤᠭᠡᠷ ᠬᠤᠭᠤᠴᠠᠭ᠋ᠠᠨ᠎ᠤ ᠠᠷᠪᠠᠨ ᠭᠤᠷᠪᠠᠳᠤᠭ᠋ᠠᠷ ᠤᠳᠠᠭ᠎ᠠ ᠵᠢᠨ ᠪᠦᠬᠦ ᠬᠡᠰᠢᠭᠦᠳ᠎ᠤᠨ ᠬᠤᠷᠠᠯᠳᠤᠭ᠋ᠠᠨ ᠵᠢᠴᠢ ᠪᠦᠬᠦ ᠤᠷᠤᠨ᠎ᠤ ᠠᠵᠦ ᠠᠬᠤᠢ ᠵᠢᠨ ᠠᠵᠢᠯ᠎ᠤᠨ ᠬᠤᠷᠠᠯᠳᠤᠭ᠋ᠠᠨ᠎ᠤ ᠵᠤᠷᠢᠭ ᠰᠠᠨᠠᠭ᠎ᠠ ᠲᠠᠢ ᠤᠶᠠᠯᠳᠤᠭᠤᠯᠵᠦ᠂ ᠦᠪᠡᠷᠳᠡᠭᠡᠨ ᠵᠠᠰᠠᠬᠤ ᠤᠷᠤᠨ᠎ᠤ ᠤᠷᠢᠳᠡᠪᠡᠷ ᠬᠦᠭᠵᠢᠬᠦ᠂ ᠰᠢᠨᠵᠢᠯᠡᠬᠦ ᠤᠬᠠᠭ᠋ᠠᠨᠴᠢ᠎ᠪᠠᠷ ᠬᠦᠭᠵᠢᠬᠦ᠂ ᠡᠶ᠎ᠡ ᠵᠤᠬᠢᠴᠠᠯ᠎ᠲᠠᠢ ᠬᠦᠭᠵᠢᠬᠦ᠎ᠳᠤ ᠰᠢᠨ᠎ᠡ ᠦᠢ᠍ᠯᠡᠳᠤᠯ ᠦᠵᠡᠬᠦᠯᠦᠨ᠎ᠡ᠃ ᠡᠨᠡ ᠵᠢᠯ ᠵᠢᠴᠢ ᠬᠤᠢ᠌ᠰᠢᠳᠠ ᠵᠢᠨ ᠨᠢᠭᠡᠨ ᠬᠤᠭᠤᠴᠠᠭ᠋ᠠᠨ᠎ᠳᠤ᠂ ᠲᠦᠷᠪᠡᠨ ᠲᠠᠯ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠬᠦ᠎ᠪᠠᠷ ᠭᠤᠤᠯᠳᠠᠯᠭ᠎ᠠ ᠪᠤᠯᠭ᠋ᠠᠨ᠎ᠠ᠄ ᠨᠢᠭᠡ᠎ᠳᠤ ᠠᠷᠭ᠎ᠠ ᠬᠡᠯᠪᠡᠷᠢ᠎ᠪᠠᠨ ᠬᠤᠪᠢᠷᠠᠭᠤᠯᠵᠦ ᠪᠦᠳᠤᠴᠡ ᠵᠢ ᠲᠤᠬᠢᠷᠠᠭᠤᠯᠬᠤ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠨ᠎ᠡ᠃ ᠲᠡᠷᠢᠭᠦᠨ᠎ᠤ ᠦᠢ᠍ᠯᠡᠳᠬᠦ ᠦᠢ᠍ᠯᠡᠰ ᠪᠠ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠢ ᠤᠷᠢᠳᠠᠪᠡᠷ ᠬᠦᠭᠵᠢᠬᠦᠯᠵᠦ᠂ ᠦᠢ᠍ᠯᠡᠳᠬᠦᠨ᠎ᠤ ᠶᠠᠰᠤ ᠴᠢᠨᠠᠷ ᠪᠤᠯᠤᠨ ᠦᠢ᠍ᠯᠡᠴᠢᠯᠡᠭᠡᠨ᠎ᠤ ᠶᠠᠰᠤ ᠴᠢᠨᠠᠷ᠎ᠢ ᠲᠡᠩᠴᠡᠭᠦᠯᠦᠨ ᠬᠦᠭᠵᠢᠬᠦᠯᠬᠦ ᠵᠢ ᠴᠢᠬᠤᠯᠠᠴᠢᠯᠠᠵᠦ᠂ ᠰᠢᠨ᠎ᠡ ᠬᠡᠯᠪᠡᠷᠢ ᠵᠢᠨ ᠠᠵᠦ ᠦᠢ᠍ᠯᠡᠳᠪᠤᠷᠢᠵᠢᠯᠳᠠ ᠵᠢᠨ ᠲᠦᠪᠰᠢᠨ᠎ᠢ ᠴᠢᠷᠮᠠᠢ᠌ᠨ ᠳᠡᠭᠡᠭᠰᠢᠯᠡᠭᠦᠯᠵᠦ᠂ ᠢᠯᠠᠩᠭᠤᠶ᠎ᠠ ᠵᠠᠷᠢᠮ ᠠᠵᠢᠯ ᠲᠦᠷᠦᠯ᠎ᠤᠨ ᠦᠢ᠍ᠯᠡᠳᠪᠤᠷᠢᠯᠡᠬᠦ ᠴᠢᠳᠡᠪᠬᠢ ᠢᠯᠡᠳᠳᠠ ᠢᠯᠡᠭᠦᠳᠡᠵᠦ ᠪᠠᠢ᠌ᠬᠤ ᠠᠰᠠᠭᠤᠳᠠᠯ᠎ᠳᠤ ᠴᠢᠭᠯᠡᠭᠦᠯᠦᠨ᠂ ᠦᠢ᠍ᠯᠡᠳᠪᠤᠷᠢᠯᠡᠯ᠎ᠤᠨ ᠵᠦᠪᠰᠢᠶᠡᠷᠡᠯ᠂ ᠵᠠᠬ᠎ᠠ ᠲᠡᠯᠭᠡᠭᠦᠷ᠎ᠲᠤ ᠤᠷᠤᠬᠤ ᠵᠦᠪᠰᠢᠶᠡᠷᠡᠯ᠎ᠤᠨ ᠡᠷᠬᠡ ᠴᠢᠳᠠᠪᠤᠷᠢ᠎ᠪᠠᠨ ᠢᠳᠡᠪᠬᠢᠲᠡᠢ ᠭᠦᠢ᠍ᠴᠡᠳᠭᠡᠵᠦ᠂ ᠬᠤᠷᠸ᠎ᠠ ᠡᠵᠡᠮᠰᠢᠯ ᠲᠤᠬᠢᠷᠠᠭᠤᠯᠭ᠎ᠠ ᠵᠢᠨ ᠳᠤᠮᠳᠠ ᠡᠭᠦᠷᠭᠡ ᠬᠠᠷᠢᠭᠤᠴᠠᠯᠭ᠎ᠠ᠎ᠪᠠᠨ ᠳᠤᠤᠱᠲᠠᠢ ᠭᠦᠢ᠍ᠴᠡᠳᠭᠡᠨ᠎ᠡ᠃ ᠬᠤᠶᠡᠷ᠎ᠲᠤ ᠲᠠᠷᠢᠶᠠᠯᠠᠬᠤ ᠮᠠᠯᠵᠢᠬᠤ ᠤᠷᠤᠨ᠎ᠳᠤ 《ᠠᠷᠪᠠ ᠵᠢ ᠪᠦᠷᠢᠨ ᠪᠦᠷᠬᠦᠬᠦᠯᠬᠦ》᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠨ᠎ᠡ᠃ ᠨᠡᠢ᠌ᠭᠡᠮ ᠵᠢᠷᠤᠮᠳᠤ ᠰᠢᠨ᠎ᠡ ᠬᠦᠳᠡᠭᠡ ᠲᠤᠰᠬᠤᠨ᠎ᠢ ᠪᠦᠳᠤᠭᠡᠨ ᠪᠠᠢ᠌ᠭᠤᠯᠬᠤ ᠲᠤᠭᠤᠷᠢᠨ᠎ᠳᠤ ᠴᠢᠨᠠᠷ ᠰᠠᠢ᠌ᠲᠠᠢ ᠦᠯᠡᠮᠵᠢ ᠦᠷ᠎ᠡ ᠠᠰᠢᠭᠲᠠᠢ ᠲᠠᠷᠢᠶᠠᠯᠠᠩ᠎ᠢ ᠬᠦᠭᠵᠢᠬᠦᠯᠬᠦ᠎ᠪᠠᠷ ᠭᠤᠤᠯ ᠡᠭᠦᠷᠬᠡ᠎ᠪᠠᠨ ᠪᠤᠯᠭ᠋ᠠᠬᠤ ᠵᠢ ᠪᠠᠷᠢᠮᠳᠠᠯᠠᠵᠦ᠂ ᠲᠠᠷᠢᠶᠠᠯᠠᠩ ᠮᠠᠯ ᠠᠵᠦ ᠠᠬᠤᠢ ᠵᠢᠨ ᠦᠷ᠎ᠡ ᠠᠰᠢᠭ᠎ᠢ ᠨᠡᠮᠡᠭᠳᠡᠭᠦᠯᠬᠦ᠂ ᠲᠠᠷᠢᠶᠠᠴᠢᠨ ᠮᠠᠯᠴᠢᠳ᠎ᠤᠨ ᠤᠷᠤᠯᠭ᠎ᠠ ᠵᠢ ᠨᠡᠮᠡᠭᠳᠡᠭᠦᠯᠬᠦ ᠵᠢ ᠠᠬᠢᠭᠤᠯᠬᠤ ᠵᠢᠨ ᠬᠠᠮᠳᠤ ᠲᠠᠷᠢᠶᠠᠴᠢᠨ ᠮᠠᠯᠴᠢᠳ᠎ᠤᠨ ᠬᠠᠤᠯᠢ ᠶᠤᠰᠤᠨ᠎ᠤ ᠡᠷᠬᠡ ᠠᠰᠢᠭ᠎ᠢ ᠦᠨᠡᠨᠬᠦ ᠰᠠᠢ᠌ᠳᠤᠷ ᠬᠠᠮᠠᠭ᠋ᠠᠯᠠᠨ᠎ᠠ᠃ ᠭᠤᠷᠪᠠ᠎ᠳᠤ ᠤᠷᠴᠢᠨ ᠠᠬᠤᠢ ᠵᠢ ᠰᠢᠯᠢᠳᠡᠭᠵᠢᠭᠦᠯᠬᠦ ᠪᠠ ᠬᠡᠷᠡᠭᠴᠡᠬᠡ ᠵᠢ ᠦᠷᠭᠡᠳᠭᠡᠬᠦ ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠨ᠎ᠡ᠃ ᠵᠠᠬ᠎ᠠ ᠳᠡᠯᠭᠡᠭᠦᠷ᠎ᠤᠨ ᠡᠮᠬᠢ ᠲᠢᠭᠯᠢᠮ ᠪᠤᠯᠤᠨ ᠶᠠᠰᠤ ᠴᠢᠨᠠᠷ᠎ᠤᠨ ᠠᠮᠤᠷ ᠲᠦᠪᠰᠢᠨ᠎ᠢ ᠬᠦᠴᠤᠲᠠᠢ ᠠᠳᠬᠤᠬᠤ ᠵᠢ ᠪᠠᠷᠢᠮᠳᠠᠯᠠᠵᠦ᠂ ᠠᠷᠠᠳ ᠤᠯᠠᠨ᠎ᠤ ᠲᠤᠰ ᠪᠡᠶ᠎ᠡ ᠵᠢᠨ ᠠᠰᠢᠭ ᠲᠤᠰᠠᠲᠠᠢ ᠬᠤᠯᠪᠤᠭᠳᠠᠬᠤ ᠠᠰᠠᠭᠤᠳᠠᠯ᠎ᠢ ᠭᠤᠤᠯᠴᠢᠯᠠᠨ ᠰᠢᠢ᠍ᠳᠪᠤᠷᠢᠯᠠᠵᠦ᠂ ᠰᠠᠢ᠌ᠨ ᠰᠠᠢ᠌ᠬᠠᠨ ᠵᠠᠬ᠎ᠠ ᠳᠡᠯᠭᠡᠬᠦᠷ᠎ᠤᠨ ᠤᠷᠴᠢᠨ ᠪᠠ ᠬᠡᠷᠡᠭᠯᠡᠭᠡᠨ᠎ᠤ ᠤᠷᠴᠢᠨ᠎ᠢ ᠪᠤᠢ ᠪᠤᠯᠭ᠋ᠠᠵᠦ᠂ ᠨᠡᠢ᠌ᠭᠡᠮ᠎ᠤᠨ ᠡᠶ᠎ᠡ ᠵᠤᠬᠢᠴᠠᠯ᠎ᠤᠨ ᠪᠠᠢ᠌ᠭᠤᠯᠤᠯᠳᠠ ᠵᠢ ᠠᠬᠢᠭᠤᠯᠤᠨ᠎ᠠ᠃ ᠲᠦᠷᠪᠡ᠎ᠳᠤ ᠡᠨ᠋ᠸᠷᠬᠢ ᠠᠷᠪᠢᠯᠠᠬᠤ ᠪᠤᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠨ᠎ᠡ᠃ ᠶᠡᠷᠦᠩᠬᠡᠢ ᠲᠤᠪᠴᠢᠶ᠎ᠠ ᠵᠢᠨ ᠱᠠᠭ᠋ᠠᠷᠳᠠᠯᠭ᠎ᠠ ᠪᠤᠯᠤᠨ ᠦᠪᠤᠷ ᠮᠤᠩᠭᠤᠯ᠎ᠤᠨ ᠪᠤᠳᠠᠲᠠᠢ ᠪᠠᠢ᠌ᠳᠠᠯ᠎ᠢ ᠦᠨᠳᠤᠰᠤᠯᠡᠨ ᠪᠢᠳᠡ ᠶᠠᠰᠤ ᠴᠢᠨᠠᠷ᠎ᠲᠤ ᠬᠢᠨᠠᠯᠳᠠ ᠳᠠᠯᠪᠢᠬᠤ ᠳᠠᠪᠠᠭᠤᠯᠢᠭ ᠵᠶ᠋ᠡᠨ ᠪᠠᠳᠠᠷᠠᠭᠤᠯᠵᠦ᠂ ᠦᠪᠡᠷᠳᠡᠭᠡᠨ ᠵᠠᠰᠠᠬᠤ ᠤᠷᠤᠨ᠎ᠤ ᠡᠨ᠋ᠸᠷᠬᠢ ᠠᠷᠪᠢᠯᠠᠨ ᠪᠤᠬᠢᠷᠳᠤᠯ ᠭᠠᠳᠠᠭᠰᠢᠯᠠᠭᠤᠯᠬᠤ ᠵᠢ ᠪᠠᠭ᠋ᠠᠰᠭ᠋ᠠᠬᠤ ᠠᠵᠢᠯ ᠪᠤᠯᠤᠨ ᠦᠢ᠍ᠯᠡᠴᠢᠯᠡᠭᠡᠨ᠎ᠤ ᠬᠦᠷᠢᠶᠡᠨ᠎ᠳᠤ ᠢᠳᠡᠭ ᠢᠳᠡᠭ ᠵᠶ᠋ᠡᠷ ᠤᠷᠤᠯᠴᠠᠬᠤ ᠪᠠ ᠦᠷᠬᠡᠳᠭᠡᠵᠦ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ᠎ᠤ ᠶᠡᠷᠦᠩᠬᠡᠢ ᠪᠠᠢ᠌ᠷᠢᠯᠠᠭᠤᠯᠤᠯᠳᠠ᠎ᠪᠠᠷ ᠮᠠᠨ᠎ᠤ ᠤᠷᠤᠨ᠎ᠤ ᠪᠤᠬᠢᠷᠳᠤᠯ ᠦᠬᠡᠢ ᠡᠷᠭᠢᠯᠳᠠ ᠳᠤᠤᠷ᠎ᠠ ᠨᠡᠭᠦᠷᠡᠰᠤᠳᠦ᠋ᠷᠦᠭᠴᠢ ᠵᠢᠨ ᠬᠦᠭᠵᠢᠯᠳᠠ ᠵᠢ ᠶᠡᠬᠡ᠎ᠪᠠᠷ ᠠᠬᠢᠭᠤᠯᠵᠦ᠂ ᠠᠮᠢ ᠠᠬᠤᠢ ᠵᠢᠨ ᠪᠤᠯᠪᠠᠰᠤᠨ᠎ᠤ ᠪᠠᠢ᠌ᠭᠤᠯᠤᠯᠳᠠ᠎ᠳᠤ ᠬᠤᠪᠢ ᠨᠡᠮᠡᠷᠢ ᠦᠵᠡᠭᠦᠯᠦᠨ᠎ᠡ᠃
ᠡᠨᠡ ᠵᠢᠯ᠂ 《ᠦᠪᠤᠷ ᠮᠤᠩᠭᠤᠯ᠎ᠤᠨ ᠶᠠᠰᠤ ᠴᠢᠨᠠᠷ᠎ᠲᠤ ᠬᠢᠨᠠᠯᠳᠠ ᠳᠠᠯᠪᠢᠬᠤ ᠰᠢᠰᠲᠸᠮ᠎ᠤᠨ ᠦᠢ᠍ᠯᠡᠴᠢᠯᠡᠭᠡᠨ᠎ᠤ ᠠᠵᠦ ᠠᠬᠤᠢ᠌ᠯᠠᠯ᠎ᠤᠨ ᠭᠤᠷᠪᠠᠨ ᠵᠢᠯ᠎ᠤᠨ ᠠᠵᠢᠯᠯᠠᠭ᠋ᠠᠨ᠎ᠤ ᠲᠦᠯᠦᠪᠯᠡᠭᠡ》 ᠪᠤᠯᠤᠨ ᠬᠡᠷᠡᠭᠵᠢᠭᠦᠯᠬᠦ ᠨᠡᠷᠢᠨ ᠲᠦᠷᠢᠮ᠎ᠢ ᠲᠤᠭᠳᠠᠭ᠋ᠠᠵᠦ᠂ ᠦᠢ᠍ᠯᠡᠴᠢᠯᠡᠭᠡᠨ᠎ᠤ ᠠᠵᠦ ᠠᠬᠤᠢ᠌ᠯᠠᠯ᠎ᠤᠨ ᠠᠵᠢᠯ᠎ᠤᠨ ᠤᠳᠤᠷᠢᠳᠬᠤ ᠲᠤᠭᠤᠢ᠌ᠯᠠᠩ᠎ᠢ ᠪᠠᠢ᠌ᠭᠤᠯᠵᠦ᠂ ᠦᠢ᠍ᠯᠡᠴᠢᠯᠡᠭᠡᠨ᠎ᠤ ᠠᠵᠦ ᠠᠬᠤᠢ᠌ᠯᠠᠯ᠎ᠤᠨ ᠠᠵᠢᠯ᠎ᠢ ᠨᠢᠭᠡᠳᠤᠯᠲᠠᠢ ᠲᠤᠬᠢᠷᠠᠭᠤᠯᠵᠦ᠂ ᠡᠯ᠎ᠡ ᠤᠨ᠂ ᠡᠯ᠎ᠡ ᠱᠠᠳᠤ ᠪᠦᠷᠢ ᠵᠢᠨ ᠭᠤᠤᠯᠳᠠᠯᠭ᠎ᠠ᠎ᠲᠠᠢ ᠠᠵᠢᠯ᠂ ᠦᠢ᠍ᠯᠡᠴᠢᠯᠡᠬᠦ ᠡᠳᠡᠭᠡᠳ ᠪᠤᠯᠤᠨ ᠬᠠᠷᠢᠭᠤᠴᠠᠯᠭ᠎ᠠ ᠵᠢᠨ ᠨᠢᠭᠡᠴᠡ ᠵᠢ ᠳᠤᠲᠤᠷᠬᠠᠢ᠌ᠯᠠᠬᠤ ᠵᠢᠨ ᠬᠠᠮᠳᠤ ᠡᠯ᠎ᠡ ᠦᠢ᠍ᠯᠡᠴᠢᠯᠡᠭᠡᠨ᠎ᠤ ᠠᠵᠦ ᠠᠬᠤᠢ᠌ᠯᠠᠯ᠎ᠤᠨ ᠠᠵᠢᠯ᠎ᠢ ᠡᠯ᠎ᠡ ᠭᠠᠵᠠᠷ ᠤᠷᠤᠨ᠂ ᠡᠯ᠎ᠡ ᠨᠢᠭᠡᠴᠡ᠂ ᠡᠯ᠎ᠡ ᠰᠠᠯᠠᠭ᠎ᠠ ᠮᠦᠴᠢᠷ᠎ᠤᠨ ᠠᠵᠢᠯ᠎ᠤᠨ ᠠᠮᠵᠢᠯᠳᠠ ᠵᠢ ᠬᠢᠨᠠᠨ ᠰᠢᠯᠭ᠋ᠠᠬᠤ ᠭᠦᠢ᠍ᠴᠡᠳᠭᠡᠯ ᠲᠤᠭ᠎ᠠ ᠪᠤᠯᠭ᠋ᠠᠵᠦ᠂ ᠡᠯ᠎ᠡ ᠲᠦᠷᠦᠯ᠎ᠤᠨ ᠦᠢ᠍ᠯᠡᠴᠢᠯᠡᠭᠡᠨ᠎ᠤ ᠠᠵᠦ ᠠᠬᠤᠢ᠌ᠯᠠᠯ᠎ᠤᠨ ᠠᠵᠢᠯ᠎ᠢ ᠪᠤᠳᠠᠲᠠᠢ ᠭᠠᠵᠠᠷ᠎ᠲᠤᠨᠢ ᠨᠠᠢ᠌ᠳᠠᠪᠤᠷᠢᠵᠢᠭᠤᠯᠬᠤ ᠵᠢ ᠠᠬᠢᠭᠤᠯᠤᠨ᠎ᠠ᠃ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠦᠢ᠍ᠯᠡᠴᠢᠯᠡᠭᠡᠨ᠎ᠤ ᠤᠪᠤᠷ ᠵᠶ᠋ᠡᠨ ᠰᠠᠢ᠌ᠵᠢᠷᠠᠭᠤᠯᠵᠦ᠂ ᠦᠢ᠍ᠯᠡᠴᠢᠯᠡᠭᠳᠡᠭᠰᠡᠳᠢ ᠦᠢ᠍ᠯᠡᠴᠢᠯᠡᠭᠡᠨ᠎ᠢ ᠪᠠᠶᠠᠷᠲᠠᠢ᠎ᠪᠠᠷ ᠬᠦᠯᠢᠶᠡᠨ ᠠᠪᠬᠤ ᠪᠤᠯᠭ᠋ᠠᠨ᠎ᠠ; ᠮᠡᠷᠭᠡᠵᠢᠯ᠎ᠤᠨ ᠦᠢ᠍ᠯᠡᠴᠢᠯᠡᠭᠡᠨ᠎ᠤ ᠦᠨ᠎ᠡ ᠴᠠᠨ᠎ᠠ ᠵᠢ ᠨᠡᠮᠡᠭᠳᠡᠭᠦᠯᠵᠦ᠂ ᠦᠢ᠍ᠯᠡᠴᠢᠯᠡᠭᠳᠡᠭᠰᠡᠳᠤᠨ ᠳᠠᠭ᠋ᠠᠰᠢᠶᠠᠯᠢ ᠳᠡᠭᠡᠭᠰᠢᠯᠡᠭᠦᠯᠦᠨ᠎ᠠ; ᠪᠦᠬᠦ ᠲᠠᠯ᠎ᠠ᠎ᠪᠠᠷ ᠬᠦᠨ ᠲᠡᠰ ᠳᠠᠪᠬᠤᠷᠭ᠎ᠠ᠎ᠪᠠᠷ ᠦᠢ᠍ᠯᠡᠴᠢᠯᠡᠬᠦ ᠵᠢ ᠴᠢᠩᠭ᠋ᠠᠳᠬᠠᠵᠦ᠂ ᠦᠢ᠍ᠯᠡᠴᠢᠯᠡᠭᠳᠡᠭᠰᠡᠳ᠂ ᠠᠵᠦ ᠠᠬᠤᠢ ᠨᠡᠢ᠌ᠭᠡᠮ᠎ᠤᠨ ᠬᠦᠭᠵᠢᠯᠳᠡ ᠵᠢᠨ ᠶᠡᠬᠡ ᠲᠠᠯ᠎ᠠ᠎ᠳᠤ ᠨᠡᠩ ᠠᠭᠤᠰᠤᠨ ᠨᠡᠪᠳᠡᠷᠡᠯᠴᠡᠬᠦ ᠵᠢ ᠡᠷᠡᠯᠬᠢᠯᠡᠨᠡ᠃
[ᠭᠤᠤ ᠢᠩ ᠵᠢᠶᠸ] (ᠬᠤᠶᠡᠷ) ᠶᠠᠰᠤ ᠴᠢᠨᠠᠷ᠎ᠤᠨ ᠬᠢᠨᠠᠯᠳᠠ ᠬᠠᠮᠢᠶᠠᠷᠤᠯᠳᠠ ᠵᠢᠨ ᠦᠷ᠎ᠡ ᠪᠦᠳᠤᠮᠵᠢᠳᠤ ᠴᠢᠨᠠᠷ᠎ᠢ ᠨᠡᠮᠡᠭᠳᠡᠬᠦᠯᠵᠦ᠂ ᠶᠠᠰᠤ ᠴᠢᠨᠠᠷ᠎ᠲᠤ ᠬᠢᠨᠠᠯᠳᠠ ᠳᠠᠯᠪᠢᠬᠤ ᠴᠢᠳᠠᠮᠵᠢ ᠵᠢᠨ ᠤᠷᠤᠨ ᠪᠠᠢ᠌ᠷᠢ ᠵᠢ ᠤᠨᠤᠪᠴᠢᠲᠠᠢ ᠲᠤᠭᠳᠠᠭ᠋ᠠᠨ᠎ᠠ᠃ ᠶᠠᠰᠤ ᠴᠢᠨᠠᠷ᠎ᠢ ᠬᠢᠨᠠᠨ ᠬᠠᠮᠢᠶᠠᠷᠬᠤ ᠪᠤᠯ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ᠎ᠠᠴᠠ ᠶᠠᠰᠤ ᠴᠢᠨᠠᠷ᠎ᠲᠤ ᠬᠢᠨᠠᠯᠳᠠ ᠳᠠᠯᠪᠢᠬᠤ ᠰᠢᠰᠲᠸᠮ᠎ᠳᠤ ᠤᠯᠭᠤᠭᠰᠠᠨ ᠴᠢᠬᠤᠯᠠ ᠡᠭᠦᠷᠭᠡ ᠬᠠᠷᠢᠭᠤᠴᠠᠯᠭ᠎ᠠ ᠪᠤᠯᠤᠨ ᠭᠤᠤᠯ ᠡᠭᠦᠷᠭᠡ ᠮᠦᠨ᠂ ᠪᠢᠳᠡ ᠵᠠᠢ᠌ᠯᠭᠤᠯᠵᠦ ᠪᠤᠯᠬᠤ ᠦᠬᠡᠢ᠃ ᠲᠦᠯᠬᠢᠵᠦ ᠪᠤᠯᠬᠤ ᠦᠬᠡᠢ ᠶᠤᠮ᠃ ᠨᠢᠭᠡ᠎ᠳᠤ ᠶᠠᠰᠤ ᠴᠢᠨᠠᠷ᠎ᠢ ᠬᠢᠨᠠᠵᠦ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠦᠨᠡᠨᠬᠦ ᠲᠤᠳᠤᠯᠬᠤ ᠬᠡᠷᠡᠭᠲᠠᠢ ᠃ ᠵᠠᠰᠠᠭ᠎ᠤᠨ ᠤᠷᠳᠤᠨ᠎ᠤ ᠤᠳᠤᠷᠢᠳᠬᠤ ᠦᠢ᠍ᠯᠡᠳᠤᠯ᠎ᠢ ᠲᠤᠪᠤᠢ᠌ᠯᠭ᠋ᠠᠬᠤ ᠬᠡᠷᠡᠭᠲᠠᠢ᠃ ᠰᠢᠨ᠎ᠡ ᠪᠠᠢ᠌ᠳᠠᠯ ᠳᠤᠤᠷ᠎ᠠ᠂ ᠵᠠᠰᠠᠭ᠎ᠤᠨ ᠤᠷᠳᠤᠨ᠎ᠤ ᠡᠨᠡᠬᠦ 《 ᠰᠦᠷᠳᠤ ᠮᠤᠳᠤᠷ》᠎ᠨᠢ ᠮᠦᠨᠬᠦ ᠶᠠᠰᠤ ᠴᠢᠨᠠᠷ᠎ᠢ ᠬᠢᠨᠠᠨ ᠬᠠᠮᠢᠶᠠᠷᠬᠤ ᠪᠠ ᠶᠠᠰᠤ ᠴᠢᠨᠠᠷ᠎ᠢ ᠳᠡᠭᠡᠭᠰᠢᠯᠡᠭᠦᠯᠬᠦ᠎ᠳᠤ ᠤᠷᠤᠯᠠᠵᠦ ᠪᠤᠯᠤᠰᠢ ᠦᠬᠡᠢ ᠨᠦᠯᠦᠭᠡᠯᠡᠬᠦ ᠬᠦᠴᠤᠨ ᠪᠤᠯᠤᠨ ᠰᠦᠷᠳᠡᠭᠦᠯᠬᠦ ᠬᠦᠴᠤᠨ᠎ᠲᠠᠢ ᠶᠤᠮ᠃ ᠡᠯ᠎ᠡ ᠱᠠᠳᠤᠨ᠎ᠤ᠎ᠬᠢᠨ ᠡᠨᠡᠬᠦ ᠬᠦᠴᠤᠨ᠎ᠢ ᠴᠢᠳᠠᠮᠠᠭ᠋ᠠᠢ᠎ᠪᠠᠷ ᠵᠢᠭᠡᠯᠡᠨ ᠬᠡᠷᠡᠭᠯᠡᠵᠦ᠂ ᠦᠪᠡᠷᠳᠡᠭᠡᠨ ᠵᠠᠰᠠᠬᠤ ᠤᠷᠤᠨ ᠵᠢᠴᠢ ᠤᠷᠤᠨ ᠨᠤᠳᠤᠭ᠎ᠤᠨ ᠵᠠᠰᠠᠭ᠎ᠤᠨ ᠤᠷᠳᠤᠨ᠎ᠤ ᠬᠤᠶᠠᠷ ᠲᠠᠯ᠎ᠠ ᠵᠢᠨ ᠬᠢᠨᠠᠨ ᠰᠢᠯᠭ᠋ᠠᠬᠤ ᠲᠤᠭᠳᠠᠴᠠ ᠵᠢ ᠪᠠᠢ᠌ᠭᠤᠯᠬᠤ᠎ᠪᠠᠷ ᠳᠠᠮᠵᠢᠭᠤᠯᠤᠨ᠂ ᠱᠠᠳᠤ ᠱᠠᠳᠤ᠎ᠪᠠᠷ ᠮᠦᠷᠳᠡᠨ ᠲᠠᠷᠤᠵᠦ᠂ ᠵᠠᠰᠠᠭ᠎ᠤᠨ ᠤᠷᠳᠤᠨ᠎ᠤ ᠵᠢᠯᠤᠭᠤᠳᠬᠤ ᠦᠢ᠍ᠯᠡᠳᠤᠯ᠎ᠢ ᠤᠷᠭᠢᠯ᠎ᠳᠤᠨᠢ ᠲᠤᠯᠳᠠᠯ᠎ᠠ ᠪᠠᠳᠠᠷᠠᠭᠤᠯᠬᠤ ᠬᠡᠷᠡᠭᠲᠠᠢ᠃ ᠠᠵᠦ ᠠᠬᠤᠢ᠌ᠯᠠᠯ᠎ᠤᠨ ᠭᠤᠤᠯ ᠴᠤᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠬᠡᠷᠡᠭᠲᠠᠢ᠃ ᠶᠠᠰᠤ ᠴᠢᠨᠠᠷ᠎ᠤᠨ ᠠᠮᠤᠷ ᠲᠦᠪᠰᠢᠨ᠎ᠤ ᠭᠤᠤᠯ ᠴᠤᠭᠴᠠ ᠵᠢᠨ ᠬᠠᠷᠢᠭᠤᠴᠠᠯᠭ᠎ᠠ ᠪᠤᠯ ᠠᠵᠦ ᠠᠬᠤᠢ᠌ᠯᠠᠯ ᠮᠦᠨ᠂ ᠶᠠᠰᠤ ᠴᠢᠨᠠᠷ᠎ᠤᠨ ᠬᠢᠨᠠᠯᠳᠠ ᠬᠠᠮᠢᠶᠠᠷᠤᠯᠳᠠ ᠵᠢᠨ ᠡᠬᠢ ᠰᠤᠷᠪᠤᠯᠵᠢ᠎ᠨᠢ ᠠᠵᠦ ᠠᠬᠤᠢ᠌ᠯᠠᠯ᠎ᠳᠤ ᠪᠤᠢ᠃ ᠡᠯ᠎ᠡ ᠱᠠᠳᠤᠨ᠎ᠤ᠎ᠬᠢᠨ ᠶᠠᠰᠤ ᠴᠢᠨᠠᠷ᠎ᠤᠨ ᠬᠢᠨᠠᠨ ᠬᠠᠮᠢᠶᠠᠷᠤᠯᠳᠠ ᠵᠢᠨ ᠦᠷ᠎ᠡ ᠪᠦᠳᠤᠮᠵᠢᠳᠤ ᠴᠢᠨᠠᠷ᠎ᠢ ᠨᠡᠮᠡᠭᠳᠡᠭᠦᠯᠬᠦ ᠭᠤᠤᠯᠳᠠᠯᠭ᠎ᠠ᠎ᠪᠠᠨ ᠠᠵᠦ ᠠᠬᠤᠢ᠌ᠯᠠᠯ᠎ᠳᠤ ᠳᠠᠯᠪᠢᠵᠦ᠂ ᠠᠵᠦ ᠠᠬᠤᠢ᠌ᠯᠠᠯ᠎ᠳᠤ 《ᠡᠭᠦᠷᠭᠡ ᠲᠠᠷᠤᠭ᠋ᠠᠰᠤ ᠵᠢ᠎ᠨᠢ ᠬᠦᠩᠬᠡᠯᠡᠨ ᠦᠭᠬᠦ》 ᠤᠷᠢᠳᠠᠯ ᠳᠤᠤᠷ᠎ᠠ᠂ ᠠᠵᠦ ᠠᠬᠤᠢ᠌ᠯᠠᠯ᠎ᠳᠤ ᠶᠠᠰᠤ ᠴᠢᠨᠠᠷ᠎ᠢ ᠬᠢᠨᠠᠨ ᠬᠠᠮᠢᠶᠠᠷᠬᠤ ᠭᠤᠤᠯ ᠴᠤᠭᠴᠠ ᠵᠢᠨ ᠬᠠᠷᠢᠭᠤᠴᠠᠯᠭ᠎ᠠ ᠵᠢ᠎ᠨᠢ ᠲᠤᠳᠤᠷᠬᠠᠢ᠌ᠯᠠᠨ ᠦᠭᠴᠤ᠂ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠵᠢ ᠬᠡᠯᠡᠵᠦ ᠦᠭᠴᠤ᠂ ᠠᠵᠦ ᠠᠬᠤᠢ᠌ᠯᠠᠯ᠎ᠢ ᠦᠨᠡᠨᠬᠦ ᠵᠠᠬ᠎ᠠ ᠳᠡᠯᠭᠡᠭᠦᠷ᠎ᠤᠨ ᠭᠤᠤᠯ ᠴᠤᠭᠴᠠ᠂ ᠶᠠᠰᠤ ᠴᠢᠨᠠᠷ᠎ᠤᠨ ᠭᠤᠤᠯ ᠴᠤᠭᠴᠠ ᠪᠤᠯᠭ᠋ᠠᠬᠤ ᠬᠡᠷᠡᠭᠲᠠᠢ᠃ ᠡᠷᠬᠡ ᠴᠢᠳᠠᠪᠤᠷᠢ᠎ᠳᠤ ᠰᠠᠯᠠᠭ᠎ᠠ ᠮᠦᠴᠢᠷ᠎ᠤᠨ ᠬᠡᠷᠡᠭ ᠶᠠᠪᠤᠳᠠᠯ᠎ᠤᠨ ᠡᠮᠤᠨ᠎ᠡ ᠬᠤᠢ᠌ᠨᠡ ᠬᠢᠨᠠᠨ ᠬᠠᠮᠢᠶᠠᠷᠬᠤ ᠡᠷᠴᠢᠮ᠎ᠢ᠎ᠨᠢ ᠴᠢᠩᠭ᠋ᠠᠯᠠᠬᠤ ᠬᠡᠷᠡᠭᠲᠠᠢ᠃ ᠶᠠᠰᠤ ᠴᠢᠨᠠᠷ᠎ᠲᠤ ᠬᠢᠨᠠᠯᠳᠠ ᠳᠠᠯᠪᠢᠬᠤ ᠵᠢ ᠰᠤᠭᠤᠴᠢᠨ ᠪᠠᠢ᠌ᠴᠠᠭ᠋ᠠᠬᠤ ᠰᠢᠨᠵᠢᠯᠡᠬᠦ ᠤᠬᠠᠭ᠋ᠠᠨᠴᠢ ᠲᠦᠷᠢᠮ᠎ᠢ ᠪᠠᠢ᠌ᠭᠤᠯᠵᠦ᠂ ᠲᠦᠭᠰᠢᠭᠦᠷᠢ ᠶᠡᠬᠡᠲᠠᠢ ᠦᠢ᠍ᠯᠡᠳᠭᠦᠨ᠂ ᠭᠤᠤᠯᠳᠠᠯᠭ᠎ᠠ᠎ᠲᠠᠢ ᠬᠡᠷᠡᠭᠯᠡᠭᠡᠨ᠎ᠤ ᠦᠢ᠍ᠯᠡᠳᠭᠦᠨ᠂ ᠡᠯᠸᠺᠲᠷᠤᠨ ᠬᠤᠳᠠᠯᠳᠤᠭ᠋ᠠᠨ᠎ᠤ ᠦᠢ᠍ᠯᠡᠳᠭᠦᠨ᠎ᠤ ᠬᠢᠨᠠᠯᠳᠠ ᠳᠠᠯᠪᠢᠯᠳᠠ ᠵᠢ ᠰᠤᠭᠤᠴᠢᠨ ᠪᠠᠢ᠌ᠴᠠᠭ᠋ᠠᠬᠤ ᠡᠷᠴᠢᠮ᠎ᠢ ᠴᠢᠩᠭ᠋ᠠᠯᠠᠬᠤ ᠬᠡᠷᠡᠭᠲᠠᠢ; ᠶᠠᠰᠤ ᠴᠢᠨᠠᠷ᠎ᠤᠨ ᠠᠮᠤᠷ ᠲᠦᠪᠰᠢᠨ ᠲᠦᠭᠰᠢᠭᠦᠷᠢ ᠵᠢᠨ ᠬᠠᠮᠢᠶᠠᠷᠤᠯᠳᠠ᠂ ᠦᠢ᠍ᠯᠡᠳᠬᠦᠨ᠎ᠤ ᠬᠤᠤᠷᠳᠠᠭᠤᠯᠤᠯ᠎ᠤᠨ ᠬᠢᠨᠠᠨ ᠬᠡᠮᠵᠢᠯᠳᠠ ᠪᠤᠯᠤᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠬᠢᠨᠠᠨ ᠬᠡᠮᠵᠢᠯᠳᠠ ᠵᠢᠨ ᠲᠦᠷᠢᠮ᠎ᠢ ᠰᠦᠪᠡᠭᠴᠢᠯᠡᠨ ᠪᠠᠢ᠌ᠭᠤᠯᠵᠦ᠂ ᠬᠡᠷᠡᠭ᠎ᠠᠴᠠ ᠡᠮᠤᠨ᠎ᠡ ᠤᠷᠢᠳᠴᠢᠯᠠᠨ ᠰᠡᠷᠭᠡᠢ᠌ᠯᠡᠬᠦ ᠪᠤᠯᠭ᠋ᠠᠬᠤ ᠬᠡᠷᠡᠭᠲᠠᠢ; ᠵᠤᠬᠢᠶᠠᠨ ᠪᠠᠢ᠌ᠭᠤᠯᠬᠤ ᠪᠠᠢ᠌ᠭᠤᠯᠤᠮᠵᠢ ᠵᠢᠨ ᠤᠷᠤᠯᠠᠬᠤ ᠨᠤᠮᠸᠷ ᠵᠶ᠋ᠡᠷ ᠰᠠᠭᠤᠷᠢ ᠪᠤᠯᠭ᠋ᠠᠭᠰᠠᠨ ᠶᠠᠰᠤ ᠴᠢᠨᠠᠷ᠎ᠤᠨ ᠢᠳᠡᠭᠡᠮᠵᠢ ᠵᠢᠨ ᠰᠢᠰᠲᠸᠮ᠎ᠢ ᠲᠦᠷᠭᠡᠨ ᠪᠠᠢ᠌ᠭᠤᠯᠵᠦ᠂ ᠶᠠᠰᠤ ᠴᠢᠨᠠᠷ ᠤᠨ ᠮᠠᠳᠠᠭᠡ ᠵᠠᠩᠬᠢ ᠵᠢ ᠢᠯᠡᠷᠡᠭᠦᠯᠬᠦ ᠲᠤᠭᠳᠠᠴᠠ ᠵᠢ ᠳᠡᠭᠦᠯᠳᠡᠷᠵᠢᠭᠦᠯᠵᠦ᠂ ᠶᠠᠰᠤ ᠴᠢᠨᠠᠷ᠎ᠤᠨ 《ᠨᠡᠷ᠎ᠡ ᠵᠢᠨ ᠬᠠᠷ᠎ᠠ ᠳᠠᠩᠰᠠ》 ᠵᠢ ᠬᠡᠷᠡᠭᠵᠢᠬᠦᠯᠬᠦ ᠲᠦᠷᠢᠮ᠎ᠢ ᠱᠠᠯᠠᠪᠬᠠᠨ ᠪᠠᠢ᠌ᠭᠤᠯᠬᠤ ᠬᠡᠷᠡᠭᠲᠠᠢ; ᠲᠦᠪᠯᠡᠷᠡᠭᠦᠯᠦᠨ ᠵᠠᠰᠠᠬᠤ ᠠᠵᠢᠯᠯᠠᠭ᠎ᠠ ᠵᠢ ᠬᠦᠨᠵᠡᠭᠡᠢ ᠦᠷᠨᠢᠭᠦᠯᠵᠦ᠂ ᠬᠢᠨᠠᠨ ᠬᠠᠮᠢᠶᠠᠷᠬᠤ᠎ᠨᠢ ᠪᠠᠷᠤᠭᠲᠠᠢ ᠤᠷᠤᠨ ᠲᠤᠭᠤᠷᠢᠭ᠎ᠢ ᠪᠤᠯ ᠤᠷᠤᠨ ᠨᠤᠳᠤᠭ᠎ᠤᠨ ᠵᠠᠰᠠᠭ᠎ᠤᠨ ᠤᠷᠳᠤᠨ᠎ᠲᠠᠢ᠎ᠨᠢ ᠳᠠᠷᠤᠢ᠌ᠬᠠᠨ ᠪᠤᠯᠵᠤᠨ ᠶᠠᠷᠢᠯᠴᠠᠭᠤᠯᠵᠦ᠂ ᠲᠤᠮᠤ ᠬᠡᠷᠡᠭ ᠴᠢᠬᠤᠯᠠ ᠬᠡᠷᠡᠭ᠎ᠢ ᠴᠢᠩᠭ᠎ᠠ ᠲᠤᠤᠱᠲᠠᠢ ᠪᠠᠢ᠌ᠴᠠᠭ᠋ᠠᠨ ᠰᠢᠢ᠍ᠳᠪᠤᠷᠢᠯᠡᠵᠦ᠂ ᠬᠡᠷᠡᠭ᠎ᠤᠨ ᠮᠡᠳᠡᠭᠡ ᠵᠠᠩᠬᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠨᠡᠢ᠌ᠳᠡᠯᠡᠵᠦ᠂ ᠶᠠᠰᠤ ᠴᠢᠨᠠᠷ᠎ᠤᠨ ᠬᠢᠨᠠᠯᠳᠠ ᠬᠠᠮᠢᠶᠠᠷᠤᠯᠳᠠ ᠵᠢᠨ ᠨᠡᠢ᠌ᠳᠡ ᠵᠢᠨ ᠢᠳᠡᠭᠡᠮᠵᠢ ᠵᠢᠨ ᠬᠦᠴᠤᠨ᠎ᠢ ᠨᠡᠮᠡᠭᠳᠡᠭᠦᠯᠬᠦ ᠬᠡᠷᠡᠭᠲᠠᠢ; ᠮᠡᠷᠭᠡᠵᠢᠯ᠎ᠤᠨ ᠲᠤᠯᠭ᠋ᠠᠭᠤᠷᠢᠯᠠᠬᠤ ᠦᠢ᠍ᠯᠡᠳᠤᠯ ᠢ ᠪᠦᠳᠤᠮᠵᠢᠲᠠᠢ᠎ᠪᠠᠷ ᠪᠠᠳᠠᠷᠠᠭᠤᠯᠵᠦ᠂ ᠮᠡᠷᠭᠡᠵᠢᠯ᠎ᠳᠤ ᠲᠦᠰᠢᠭᠯᠡᠨ ᠶᠠᠰᠤ ᠴᠢᠨᠠᠷ᠎ᠤᠨ ᠬᠢᠨᠠᠨ ᠬᠠᠮᠢᠶᠠᠷᠤᠯᠳᠠ ᠵᠢᠨ ᠰᠢᠨᠵᠢᠯᠡᠬᠦ ᠤᠬᠠᠭ᠋ᠠᠨᠴᠢ ᠴᠢᠨᠠᠷ᠂ ᠡᠷᠭᠡ ᠰᠦᠷᠳᠤ ᠴᠢᠨᠠᠷ᠎ᠢ ᠴᠢᠩᠭ᠋ᠠᠷᠠᠭᠤᠯᠵᠦ᠂ ᠮᠡᠷᠭᠡᠵᠢᠯ᠎ᠳᠤ ᠲᠦᠰᠢᠭᠯᠡᠨ ᠶᠠᠰᠤ ᠴᠢᠨᠠᠷ᠎ᠤᠨ ᠰᠤᠬᠤᠷ ᠪᠠᠯᠠᠢ᠌ᠴᠢ ᠴᠢᠨᠠᠷ᠂ ᠳᠤᠷ᠎ᠠ ᠳᠠᠪᠠ᠎ᠳᠤ ᠴᠢᠨᠠᠷ᠎ᠢ ᠰᠢᠢ᠍ᠳᠪᠤᠷᠢᠯᠠᠵᠦ᠂ ᠮᠡᠷᠭᠡᠵᠢᠯ᠎ᠳᠤ ᠲᠦᠰᠢᠭᠯᠡᠨ ᠠᠵᠢᠯ ᠲᠦᠷᠦᠯ᠎ᠤᠨ ᠭᠠᠭᠴᠠᠭ᠋ᠠᠷ ᠡᠵᠡᠷᠬᠡᠭᠯᠡᠯ ᠢ ᠠᠷᠢᠯᠭ᠋ᠠᠵᠦ᠂ ᠤᠷᠤᠨ ᠨᠤᠳᠤᠭ᠎ᠤᠨ ᠬᠠᠮᠠᠭ᠋ᠠᠴᠯᠠᠯᠳᠠ ᠵᠢ ᠡᠪᠳᠡᠬᠦ ᠬᠡᠷᠡᠭᠲᠠᠢ᠃ ᠶᠠᠰᠤ ᠴᠢᠨᠠᠷ᠎ᠢ ᠬᠠᠮᠳᠤ᠎ᠪᠠᠷ ᠵᠶ᠋ᠡᠨ ᠵᠠᠰᠠᠬᠤ ᠬᠡᠪ ᠪᠠᠢ᠌ᠳᠠᠯ᠎ᠢ ᠪᠤᠢ ᠪᠤᠯᠭ᠋ᠠᠬᠤ ᠬᠡᠷᠡᠭᠲᠠᠢ᠃ ᠰᠠᠯᠠᠭ᠎ᠠ ᠮᠦᠴᠢᠷ᠎ᠤᠳ ᠬᠠᠮᠳᠤᠷᠠᠨ ᠶᠠᠰᠤ ᠴᠢᠨᠠᠷ᠎ᠢ ᠠᠳᠬᠤᠬᠤ ᠵᠢ ᠢᠳᠡᠪᠬᠢᠲᠠᠢ ᠠᠬᠢᠭᠤᠯᠵᠦ᠂ ᠦᠢ᠍ᠯᠡᠳᠬᠦᠨ᠎ᠤ ᠶᠠᠰᠤ ᠴᠢᠨᠠᠷ᠂ ᠪᠠᠷᠢᠯᠭ᠎ᠠ ᠵᠢᠨ ᠶᠠᠰᠤ ᠴᠢᠨᠠᠷ᠂ ᠦᠢ᠍ᠯᠡᠴᠢᠯᠡᠭᠡᠨ᠎ᠤ ᠶᠠᠰᠤ ᠴᠢᠨᠠᠷ᠂ ᠤᠷᠴᠢᠨ ᠲᠤᠭᠤᠷᠢᠨ᠎ᠤ ᠶᠠᠰᠤ ᠴᠢᠨᠠᠷ᠎ᠢ ᠴᠤᠭ ᠵᠶ᠋ᠡᠷ ᠠᠳᠬᠤᠨ ᠬᠠᠮᠳᠤ᠎ᠪᠠᠷ ᠬᠠᠮᠢᠶᠠᠷᠴᠤ᠂ ᠬᠠᠮᠳᠤ᠎ᠪᠠᠷ ᠠᠷᠭ᠎ᠠ ᠪᠤᠳᠤᠯᠭ᠎ᠠ ᠭᠠᠷᠭ᠋ᠠᠵᠦ᠂ ᠬᠦᠴᠤ᠎ᠪᠠᠨ ᠳᠡᠩᠴᠡᠭᠦᠷᠢᠲᠠᠢ ᠬᠡᠷᠡᠭᠯᠡᠵᠦ᠂ ᠤᠯᠠᠨ ᠨᠡᠢ᠌ᠳᠡ ᠵᠢᠨ ᠠᠮᠤᠷ ᠲᠦᠪᠰᠢᠨ᠂ ᠬᠦᠮᠤᠨ ᠠᠷᠠᠳ᠎ᠤᠨ ᠡᠷᠡᠭᠦᠯ ᠮᠡᠨᠳᠤ ᠪᠠ ᠠᠮᠢ ᠨᠠᠰᠤ᠂ ᠡᠳ᠋ ᠬᠦᠷᠦᠩᠬᠡ ᠵᠢᠨ ᠠᠮᠤᠷ ᠲᠦᠪᠰᠢᠨ᠎ᠲᠠᠢ ᠬᠤᠯᠪᠤᠭᠳᠠᠬᠤ ᠭᠤᠤᠯᠳᠠᠯᠭ᠎ᠠ᠎ᠲᠠᠢ ᠶᠠᠰᠤ ᠴᠢᠨᠠᠷ᠎ᠤᠨ ᠠᠰᠠᠭᠤᠳᠠᠯ᠎ᠢ ᠪᠦᠳᠤᠮᠵᠢᠲᠠᠢ᠎ᠪᠠᠷ ᠰᠢᠢ᠍ᠳᠪᠤᠷᠢᠯᠠᠬᠦ ᠬᠡᠷᠡᠭᠲᠠᠢ; ᠪᠦᠬᠦ ᠨᠡᠢ᠌ᠭᠡᠮ ᠵᠶ᠋ᠡᠷ ᠵᠶ᠋ᠡᠨ ᠶᠠᠰᠤ ᠴᠢᠨᠠᠷ᠎ᠢ ᠠᠳᠬᠤᠬᠤ ᠵᠢ ᠪᠦᠳᠤᠮᠵᠢᠲᠠᠢ ᠠᠬᠢᠭᠤᠯᠵᠦ᠂ ᠨᠡᠢ᠌ᠭᠡᠮ ᠨᠡᠢ᠌ᠳᠡ ᠵᠢᠨ ᠬᠦᠴᠤᠨ᠎ᠢ ᠦᠷᠭᠡᠨ ᠵᠶ᠋ᠡᠷ ᠲᠠᠢ᠌ᠴᠢᠯᠠᠵᠦ᠂ ᠨᠡᠢ᠌ᠭᠡᠮ᠎ᠤᠨ ᠪᠦᠯᠭᠦᠮ᠂ ᠤᠯᠠᠨ ᠲᠤᠮᠡᠨᠤ ᠵᠤᠬᠢᠶᠠᠨ ᠪᠠᠢ᠌ᠭᠤᠯᠤᠯᠳᠠ᠂ ᠰᠤᠨᠢᠨ ᠮᠡᠳᠡᠭᠡᠯᠡᠯ᠎ᠤᠨ ᠵᠠᠭᠤᠴᠢ ᠶᠠᠰᠤ ᠴᠢᠨᠠᠷ᠎ᠲᠤ ᠬᠢᠨᠠᠯᠳᠠ ᠳᠠᠯᠪᠢᠬᠤ᠎ᠳᠤ ᠤᠷᠤᠯᠴᠠᠬᠤ ᠵᠢ ᠵᠤᠷᠢᠭᠵᠢᠭᠤᠯᠬᠤ ᠪᠠ ᠳᠡᠮᠵᠢᠯᠭᠡ ᠦᠵᠡᠭᠦᠯᠵᠦ᠂ ᠬᠡᠷᠡᠭᠯᠡᠭᠴᠢᠳ᠎ᠢ ᠵᠢᠯᠤᠭᠤᠳᠤᠨ ᠶᠠᠰᠤ ᠴᠢᠨᠠᠷ᠎ᠤᠨ ᠲᠠᠯ᠎ᠠ᠎ᠪᠠᠷ ᠬᠠᠤᠯᠢ᠎ᠠᠴᠠ ᠵᠦᠷᠢᠴᠡᠭᠰᠡᠨ ᠠᠵᠢᠯᠯᠠᠭ᠎ᠠ ᠵᠢ ᠢᠳᠡᠪᠬᠢᠲᠠᠢ ᠢᠯᠡᠴᠢᠯᠡᠭᠦᠯᠵᠦ᠂ ᠪᠦᠬᠦ ᠠᠷᠠᠳ᠎ᠤᠨ ᠶᠠᠰᠤ ᠴᠢᠨᠠᠷ᠎ᠤᠨ ᠦᠵᠡᠯ ᠤᠬᠠᠮᠰᠠᠷ᠎ᠢ ᠳᠡᠭᠡᠭᠰᠢᠯᠡᠬᠦᠯᠵᠦ᠂ ᠶᠠᠰᠤ ᠴᠢᠨᠠᠷ᠎ᠢ ᠡᠷᠬᠢᠮᠯᠡᠨ ᠦᠵᠡᠬᠦ᠂ ᠦᠨᠡᠨ ᠭᠤᠤᠯᠴᠢ ᠪᠠᠢ᠌ᠬᠤ ᠶᠠᠷᠢᠶ᠎ᠠ ᠬᠡᠯᠡᠯᠴᠡᠭᠡ ᠵᠢᠨ ᠤᠷᠴᠢᠨ᠎ᠢ ᠪᠤᠢ ᠪᠤᠯᠭ᠋ᠠᠬᠤ ᠬᠡᠷᠡᠭᠲᠠᠢ᠃ ᠬᠤᠶᠠᠷ᠎ᠲᠤ᠂ ᠠᠵᠢᠯ᠎ᠤᠨ ᠠᠷᠭ᠎ᠠ ᠬᠡᠯᠪᠡᠷᠢ᠎ᠪᠠᠨ ᠦᠨᠡᠨᠬᠦ ᠬᠤᠪᠢᠷᠠᠭᠤᠯᠬᠤ ᠬᠡᠷᠡᠭᠲᠠᠢ᠃ ᠡᠯ᠎ᠡ ᠱᠠᠳᠤᠨ᠎ᠤ᠎ᠬᠢᠨ ᠰᠢᠨ᠎ᠡ ᠪᠠᠢ᠌ᠳᠠᠯ᠎ᠳᠤ ᠰᠠᠨᠠᠭ᠋ᠠᠴᠢᠯᠠᠭ᠎ᠠ᠎ᠠᠴᠠ᠎ᠪᠠᠨ ᠲᠤᠬᠢᠷᠠᠯᠴᠠᠵᠦ᠂ ᠰᠢᠨ᠎ᠡ ᠠᠷᠭ᠎ᠠ ᠪᠤᠳᠤᠯᠭ᠎ᠠ ᠵᠢ ᠰᠤᠳᠤᠯᠵᠦ᠂ ᠠᠵᠢᠯ᠎ᠤᠨ ᠠᠷᠭ᠎ᠠ ᠬᠡᠯᠪᠡᠷᠢ᠎ᠪᠠᠨ ᠢᠳᠡᠪᠬᠢᠲᠠᠢ ᠬᠤᠪᠢᠷᠠᠭᠤᠯᠵᠦ᠂ ᠶᠠᠰᠤ ᠴᠢᠨᠠᠷ᠎ᠤᠨ ᠬᠢᠨᠠᠯᠳᠠ ᠬᠠᠮᠢᠶᠠᠷᠤᠯᠳᠠ ᠵᠢᠨ ᠦᠷ᠎ᠡ ᠪᠦᠳᠤᠮᠵᠢᠳᠤ ᠴᠢᠨᠠᠷ᠎ᠢ ᠨᠡᠮᠡᠭᠳᠡᠭᠦᠯᠬᠦ ᠬᠡᠷᠡᠭᠲᠠᠢ᠃ ᠦᠵᠡᠯ ᠲᠠᠨᠢᠯᠳᠠ᠎ᠪᠠᠨ ᠦᠨᠡᠨᠬᠦ ᠬᠤᠪᠢᠷᠠᠭᠤᠯᠬᠤ ᠬᠡᠷᠡᠭᠲᠠᠢ᠃ ᠬᠤᠮᠠᠬᠢ ᠬᠠᠮᠢᠶᠠᠷᠤᠯᠳᠠ ᠵᠢ ᠴᠢᠬᠤᠯᠠᠴᠢᠯᠠᠵᠦ ᠪᠠᠢ᠌ᠭᠰᠠᠨ᠎ᠠᠴᠠ᠎ᠪᠠᠨ ᠬᠤᠷᠸ᠎ᠠ ᠬᠠᠮᠢᠶᠠᠷᠤᠯᠳᠠ ᠵᠢ ᠡᠷᠬᠢᠮᠯᠡᠬᠦ ᠪᠤᠯᠭ᠋ᠠᠵᠦ᠂ ᠬᠤᠷᠸ᠎ᠠ ᠡᠵᠡᠮᠰᠢᠯ ᠲᠤᠬᠢᠷᠠᠭᠤᠯᠭ᠎ᠠ ᠪᠤᠯᠤᠨ ᠡᠬᠢ ᠰᠤᠷᠪᠤᠯᠵᠢ ᠵᠢᠨ ᠬᠠᠮᠢᠶᠠᠷᠤᠯᠳᠠ ᠵᠢ ᠨᠡᠩ ᠴᠢᠬᠤᠯᠠᠴᠢᠯᠠᠵᠦ᠂ ᠬᠠᠤᠯᠢ ᠴᠠᠭ᠋ᠠᠵᠠ᠂ ᠵᠠᠰᠠᠭ ᠵᠠᠬᠢᠷᠭ᠎ᠠ᠂ ᠮᠡᠷᠭᠡᠵᠢᠯ ᠵᠡᠷᠬᠡ ᠵᠢᠨ ᠠᠷᠭ᠎ᠠ ᠪᠠᠷᠢᠯ᠎ᠢ ᠬᠡᠷᠡᠭᠯᠡᠬᠦ᠎ᠪᠠᠷ ᠲᠠᠮᠵᠢᠭᠤᠯᠤᠨ ᠦᠢ᠍ᠯᠡᠳᠭᠦᠨ᠎ᠤ ᠶᠠᠰᠤ ᠴᠢᠨᠠᠷ᠎ᠢ ᠨᠦᠯᠦᠭᠡᠯᠡᠬᠦ ᠴᠢᠬᠤᠯᠠ ᠡᠯᠸᠮᠸᠨ᠋ᠲ᠎ᠤᠨ ᠬᠠᠮᠢᠶᠠᠷᠤᠯᠳᠠ ᠵᠢ ᠴᠢᠩᠭ᠋ᠠᠷᠠᠭᠤᠯᠵᠦ᠂ ᠠᠵᠦ ᠠᠬᠤᠢ᠌ᠯᠠᠯ᠎ᠢ ᠬᠠᠪᠰᠤᠷᠤᠨ ᠳᠤᠳᠤᠭ᠋ᠠᠳᠤ᠎ᠳᠠᠭᠠᠨ ᠬᠡᠷᠡᠭᠵᠢᠬᠦᠯᠦᠰᠢᠲᠠᠢ ᠶᠠᠰᠤ ᠴᠢᠨᠠᠷ᠎ᠤᠨ ᠠᠵᠢᠯ᠎ᠤᠨ ᠬᠠᠷᠢᠭᠤᠴᠠᠯᠭ᠎ᠠ ᠵᠢᠨ ᠲᠤᠭᠳᠠᠴᠠ ᠵᠢ ᠪᠠᠢ᠌ᠭᠤᠯᠵᠦ᠂ 《ᠠᠵᠦ ᠠᠬᠤᠢ᠌ᠯᠠᠯ ᠡᠵᠡᠨ ᠮᠡᠳᠡᠬᠦ᠂ ᠵᠠᠬ᠎ᠠ ᠳᠡᠯᠭᠡᠭᠦᠷ ᠵᠶ᠋ᠡᠷ ᠲᠤᠬᠢᠷᠠᠭᠤᠯᠬᠤ᠂ ᠠᠵᠢᠯ ᠲᠦᠷᠦᠯ ᠦᠪᠡᠷ᠎ᠢ᠎ᠪᠠᠨ ᠱᠠᠭ᠋ᠠᠷᠳᠠᠬᠤ᠂ ᠰᠠᠯᠠᠭ᠎ᠠ ᠮᠦᠴᠢᠷ ᠬᠢᠨᠠᠨ ᠬᠠᠮᠢᠶᠠᠷᠬᠤ᠂ ᠨᠡᠢ᠌ᠭᠡᠮ ᠨᠡᠢ᠌ᠳᠡ᠎ᠪᠠᠷ ᠵᠶ᠋ᠡᠨ ᠤᠷᠤᠯᠴᠠᠬᠤ》 ᠶᠠᠰᠤ ᠴᠢᠨᠠᠷ᠎ᠤᠨ ᠬᠢᠨᠠᠨ ᠬᠠᠮᠢᠶᠠᠷᠤᠯᠳᠠ ᠵᠢᠨ ᠪᠠᠢ᠌ᠳᠠᠯ᠎ᠢ ᠪᠤᠢ ᠪᠤᠯᠭ᠋ᠠᠬᠤ ᠬᠡᠷᠡᠭᠲᠠᠢ᠃ ᠬᠢᠨᠠᠯᠳᠠ ᠬᠠᠮᠢᠶᠠᠷᠤᠯᠳᠠ ᠵᠢᠨ ᠵᠦᠪ ᠤᠨᠤᠯᠵᠢᠬᠤᠨ ᠪᠠ ᠬᠢᠨᠠᠯᠳᠠ ᠬᠠᠮᠢᠶᠠᠷᠤᠯᠳᠠ ᠵᠢᠨ ᠠᠷᠭ᠎ᠠ ᠬᠡᠯᠪᠡᠷᠢ ᠵᠢ ᠪᠤᠢ ᠪᠤᠯᠭ᠋ᠠᠬᠤ ᠬᠡᠷᠡᠭᠲᠠᠢ᠃ ᠬᠢᠨᠠᠯᠳᠠ ᠬᠠᠮᠢᠶᠠᠷᠤᠯᠳᠠ ᠵᠢ ᠬᠦᠨᠳᠤᠳᠭᠡᠵᠦ ᠦᠢ᠍ᠯᠡᠴᠢᠯᠡᠭᠡᠨ᠎ᠢ ᠬᠦᠩᠬᠡᠪᠴᠢᠯᠡᠳᠡᠭ ᠪᠠᠢ᠌ᠭᠰᠠᠨ᠎ᠢ ᠬᠢᠨᠠᠯᠳᠠ ᠬᠠᠮᠢᠶᠠᠷᠤᠯᠳᠠ ᠦᠢ᠍ᠯᠡᠴᠢᠯᠡᠭᠡᠨ᠎ᠢ ᠬᠤᠤᠰᠯᠠᠭᠤᠯᠬᠤ ᠦᠭᠡᠳᠡ ᠬᠤᠪᠢᠷᠠᠭᠤᠯᠵᠦ᠂ ᠦᠢ᠍ᠯᠡᠴᠢᠭᠡᠨᠤ ᠴᠢᠨᠠᠷᠲᠠᠢ ᠶᠠᠰᠤ ᠴᠢᠨᠠᠷ᠎ᠤᠨ ᠬᠢᠨᠠᠯᠳᠠ ᠳᠠᠯᠪᠢᠬᠤ ᠪᠠᠢ᠌ᠭᠤᠯᠤᠯᠳᠠ ᠵᠢ ᠴᠢᠩᠭ᠋ᠠᠳᠬᠠᠵᠦ᠂ ᠠᠵᠦ ᠠᠬᠤᠢ᠌ᠯᠠᠯ᠎ᠤᠨ ᠪᠤᠳᠠᠲᠠᠢ ᠪᠠᠢ᠌ᠳᠠᠯ ᠪᠠ ᠬᠡᠷᠡᠭᠴᠡᠭᠡ᠎ᠳᠤ ᠴᠢᠭᠯᠡᠭᠦᠯᠤᠨ᠂ ᠡᠯ᠎ᠡ ᠲᠦᠷᠦᠯ᠎ᠤᠨ ᠡᠬᠢ ᠪᠠᠶᠠᠯᠢᠭ᠎ᠢ ᠪᠦᠳᠤᠮᠵᠢᠲᠠᠢ᠎ᠪᠠᠷ ᠨᠡᠢ᠌ᠯᠡᠬᠦᠯᠬᠦ᠂ ᠴᠤᠭᠯᠠᠭᠤᠯᠬᠤ ᠪᠠ ᠰᠢᠯᠢᠳᠡᠭᠵᠢᠬᠦᠯᠵᠦ᠂ ᠠᠵᠦ ᠠᠬᠤᠢ᠌ᠯᠠᠯ᠎ᠳᠤ ᠶᠠᠰᠤ ᠴᠢᠨᠠᠷ ᠵᠢ ᠬᠠᠮᠢᠶᠠᠷᠬᠤ᠂ ᠮᠡᠷᠭᠡᠵᠢᠯ᠎ᠤᠨ ᠰᠢᠪᠳᠤᠯᠤᠯᠳᠠ ᠬᠢᠬᠦ᠂ ᠪᠠᠷᠢᠮᠵᠢᠶᠠᠵᠢᠭᠤᠯᠤᠨ ᠪᠦᠳᠤᠭᠡᠨ ᠪᠠᠢ᠌ᠭᠤᠯᠬᠤ᠂ ᠰᠢᠯᠭ᠋ᠠᠨ ᠪᠠᠢ᠌ᠴᠠᠭ᠋ᠠᠵᠦ ᠰᠢᠯᠭ᠋ᠠᠨ ᠬᠡᠮᠵᠢᠬᠦ᠂ ᠨᠡᠷᠡᠳᠤ ᠦᠢ᠍ᠯᠡᠳᠬᠦᠨ ᠡᠭᠦᠳᠬᠦ ᠵᠡᠷᠭᠡ ᠪᠦᠬᠦ ᠲᠠᠯ᠎ᠠ ᠵᠢᠨ ᠦᠢ᠍ᠯᠡᠴᠢᠯᠡᠭᠡᠨ ᠬᠠᠩᠭ᠋ᠠᠵᠦ᠂ ᠠᠵᠦ ᠠᠬᠤᠢ᠌ᠯᠠᠯ᠎ᠤᠨ ᠶᠠᠰᠤ ᠴᠢᠨᠠᠷ᠎ᠤᠨ ᠬᠦᠭᠵᠢᠯᠳᠡ ᠵᠢ ᠠᠬᠢᠭᠤᠯᠬᠤ ᠨᠢᠬᠡᠨ ᠲᠦᠬᠦᠷ ᠮᠡᠷᠭᠡᠵᠢᠯ᠎ᠤᠨ ᠲᠤᠯᠭ᠋ᠠᠭᠤᠷᠢ ᠰᠢᠰᠲᠸᠮ ᠪᠤᠯᠤᠨ ᠡᠬᠢ ᠪᠠᠶᠠᠯᠢᠭ᠎ᠢ ᠬᠠᠮᠳᠤ᠎ᠪᠠᠷ ᠬᠦᠷᠳᠡᠬᠦ ᠠᠷᠭ᠎ᠠ ᠵᠠᠮ᠎ᠢ ᠬᠦᠴᠤᠯᠡᠨ ᠪᠤᠢ ᠪᠤᠯᠭ᠋ᠠᠬᠤ ᠬᠡᠷᠡᠭᠲᠠᠢ᠃ ᠬᠢᠨᠠᠯᠳᠠ ᠬᠠᠮᠢᠶᠠᠷᠤᠯᠳᠠ ᠵᠢᠨ ᠲᠠᠯ᠎ᠠ᠎ᠪᠠᠷ ᠬᠡᠷᠡᠭ ᠶᠠᠪᠤᠳᠠᠯ᠎ᠠᠴᠠ ᠡᠮᠤᠨ᠎ᠡ ᠬᠢᠨᠠᠨ ᠵᠦᠪᠰᠢᠶᠡᠷᠡᠬᠦ ᠵᠢ ᠬᠦᠨᠳᠤᠳᠭᠡᠵᠦ ᠪᠠᠢ᠌ᠭᠰᠠᠨ᠎ᠢ ᠬᠡᠷᠡᠭ ᠶᠠᠪᠤᠳᠠᠯ᠎ᠤᠨ ᠳᠤᠮᠳᠠ ᠪᠠ ᠬᠤᠢ᠌ᠨ᠎ᠠ᠎ᠨᠢ ᠬᠢᠨᠠᠨ ᠬᠠᠮᠢᠶᠠᠷᠬᠤ ᠦᠬᠡᠳᠡ ᠬᠤᠪᠢᠷᠠᠭᠤᠯᠵᠦ᠂ ᠡᠳᠤᠷ ᠲᠤᠳᠤᠮ᠎ᠤᠨ ᠬᠢᠨᠠᠨ ᠪᠠᠢ᠌ᠴᠠᠭ᠋ᠠᠯᠳᠠ᠂ ᠲᠤᠭ᠎ᠠ ᠪᠠᠷᠢᠮᠳᠠ ᠵᠢᠨ ᠰᠢᠯᠭ᠋ᠠᠯᠳᠠ ᠬᠡᠮᠵᠢᠯᠳᠡ᠂ ᠭᠤᠮᠤᠳᠠᠯ ᠲᠤᠭ᠋ᠠᠴᠠᠬᠤ ᠢᠯᠡᠴᠢᠯᠡᠬᠦ ᠲᠠᠪᠴᠠᠩ᠂ ᠶᠠᠷᠢᠶ᠎ᠠ ᠬᠡᠯᠡᠯᠴᠡᠭᠡᠨ᠎ᠤ ᠵᠠᠳᠠᠯᠤᠯᠳᠠ ᠵᠡᠷᠭᠡ ᠮᠡᠳᠡᠭᠡ ᠵᠠᠩᠭᠢ ᠵᠢᠨ ᠢᠷᠡᠯᠳᠡ᠎ᠪᠠᠷ ᠲᠠᠮᠵᠢᠭᠤᠯᠤᠨ᠂ ᠦᠢ᠍ᠯᠡᠳᠬᠦᠨ᠎ᠤ ᠶᠠᠰᠤ ᠴᠢᠨᠠᠷ᠎ᠤᠨ ᠪᠠᠢ᠌ᠳᠠᠯ᠎ᠢ ᠡᠵᠡᠮᠰᠢᠬᠦ ᠬᠡᠷᠡᠭᠲᠠᠢ; ᠴᠢᠩᠭ᠎ᠠ ᠬᠢᠨᠠᠨ ᠪᠠᠢ᠌ᠴᠠᠭ᠋ᠠᠵᠦ᠂ ᠵᠠᠬ᠎ᠠ ᠳᠡᠯᠭᠡᠭᠦᠷ᠎ᠤᠨ ᠠᠵᠦ ᠠᠬᠤᠢ ᠵᠢᠨ ᠡᠮᠬᠢ ᠲᠢᠭᠯᠢᠮ᠎ᠢ ᠬᠠᠮᠠᠭ᠋ᠠᠯᠠᠬᠤ ᠬᠡᠷᠡᠭᠲᠠᠢ; ᠴᠢᠩᠭ᠎ᠠ ᠮᠦᠷᠳᠡᠨ ᠴᠡᠭᠴᠡᠯᠡᠨ ᠵᠠᠰᠠᠵᠦ᠂ ᠠᠵᠦ ᠠᠬᠤᠢ᠌ᠯᠠᠯ᠎ᠢ ᠬᠡᠷᠡᠭ ᠶᠠᠪᠤᠳᠠᠯ᠎ᠤᠨ ᠲᠠᠷᠠᠭ᠎ᠠ ᠬᠢᠨᠠᠨ ᠬᠠᠮᠢᠶᠠᠷᠬᠤ ᠵᠢ ᠴᠢᠩᠭ᠋ᠠᠷᠠᠭᠤᠯᠬᠤ ᠬᠡᠷᠡᠭᠲᠠᠢ ᠃ ᠰᠠᠢ᠌ᠨ ᠰᠠᠢ᠌ᠬᠠᠨ ᠠᠵᠢᠯᠯᠠᠭ᠋ᠠᠨ᠎ᠤ ᠲᠤᠭᠳᠠᠴᠠ ᠵᠢ ᠡᠭᠦᠳᠤᠨ ᠪᠠᠢ᠌ᠭᠤᠯᠬᠤ ᠬᠡᠷᠡᠭᠲᠠᠢ᠃ ᠱᠠᠯᠠᠪᠳᠠᠨ ᠵᠠᠰᠠᠨ ᠴᠡᠭᠴᠡᠯᠡᠵᠦ ᠪᠠᠢ᠌ᠭᠰᠠᠨ᠎ᠢ ᠤᠷᠳᠤ ᠬᠤᠭᠤᠴᠠᠭ᠎ᠠ ᠬᠦᠴᠤᠨ᠎ᠲᠠᠢ ᠲᠤᠭᠳᠠᠴᠠ ᠵᠢ ᠪᠠᠢ᠌ᠭᠤᠯᠬᠤ ᠵᠦᠭ ᠬᠤᠪᠢᠷᠠᠭᠤᠯᠵᠦ᠂ ᠲᠤᠰᠬᠠᠢ ᠴᠡᠭᠴᠡᠯᠡᠨ ᠵᠠᠰᠠᠬᠤ ᠲᠤᠭᠳᠠᠴᠠ ᠵᠢ ᠳᠡᠭᠦᠯᠳᠡᠷᠵᠢᠭᠦᠯᠵᠦ᠂ ᠬᠡᠯᠪᠡᠷᠢ ᠵᠢ ᠯᠠ ᠡᠷᠬᠢᠮᠯᠡᠭᠡᠳ ᠦᠷ᠎ᠡ ᠪᠦᠳᠤᠭᠡᠯ᠎ᠢ ᠤᠮᠳᠤᠭ᠋ᠠᠢ᠌ᠯᠠᠬᠤ ᠶᠠᠪᠤᠳᠠᠯ᠎ᠢ ᠡᠷᠡᠰ ᠲᠡᠪᠴᠢᠵᠦ᠂ ᠶᠠᠰᠤ ᠴᠢᠨᠠᠷ᠎ᠤᠨ ᠬᠢᠨᠠᠯᠳᠠ ᠬᠠᠮᠢᠶᠠᠷᠤᠯᠳᠠ ᠵᠢᠨ ᠭᠤᠤᠯᠳᠠᠯᠭ᠎ᠠ᠂ ᠬᠦᠴᠢᠷ᠎ᠲᠠᠢ ᠠᠰᠠᠭᠤᠳᠠᠯ᠎ᠳᠤ ᠴᠢᠭᠯᠡᠭᠦᠯᠤᠨ᠂ ᠤᠷᠳᠤ ᠬᠤᠭᠤᠴᠠᠭ᠎ᠠ ᠬᠦᠴᠤᠨ᠎ᠲᠠᠢ ᠲᠤᠭᠳᠠᠴᠠ ᠵᠢ ᠰᠤᠳᠤᠯᠤᠨ ᠪᠠᠢ᠌ᠭᠤᠯᠬᠤ ᠬᠡᠷᠡᠭᠲᠠᠢ ; ᠬᠠᠤᠯᠢ᠎ᠠᠴᠠ ᠵᠦᠷᠢᠴᠡᠭᠰᠡᠨ ᠠᠵᠢᠯᠯᠠᠭ᠎ᠠ ᠵᠢ ᠪᠠᠢ᠌ᠴᠠᠭ᠋ᠠᠨ ᠰᠢᠢ᠍ᠳᠪᠤᠷᠢᠯᠡᠬᠦ ᠦᠩᠭᠡᠨ ᠲᠠᠯ᠎ᠠ ᠵᠢ ᠵᠠᠰᠠᠬᠤ ᠦᠢ᠍ᠯᠡᠳᠤᠯ ᠪᠠ ᠵᠢᠯᠤᠭᠤᠳᠬᠤ᠂ ᠵᠢᠷᠤᠮᠵᠢᠭᠤᠯᠬᠤ᠂ ᠬᠦᠮᠤᠵᠢᠬᠦᠯᠬᠦ᠂ ᠪᠠᠳᠤᠯᠠᠬᠤ ᠵᠡᠷᠭᠡ ᠦᠨᠳᠤᠰᠤ᠎ᠠᠴᠠ᠎ᠨᠢ ᠵᠠᠰᠠᠬᠤ ᠴᠢᠳᠠᠪᠤᠷᠢ ᠵᠢ ᠴᠢᠬᠤᠯᠠᠴᠢᠯᠠᠨ ᠪᠠᠳᠠᠷᠠᠭᠤᠯᠬᠤ ᠬᠡᠷᠡᠭᠲᠠᠢ᠃ ᠠᠵᠢᠯ᠎ᠤᠨ ᠵᠦᠪ ᠤᠳᠤᠷᠢᠳᠤᠮᠵᠢ ᠵᠢ ᠪᠤᠢ ᠪᠤᠯᠭ᠋ᠠᠬᠤ ᠬᠡᠷᠡᠭᠲᠠᠢ᠃ ᠲᠤᠬᠠᠢ᠌ᠯᠠᠭᠰᠠᠨ ᠠᠵᠢᠯ᠎ᠤᠨ ᠭᠦᠢ᠍ᠴᠡᠳᠭᠡᠯ ᠲᠤᠭ᠎ᠠ ᠵᠢ ᠪᠡᠶᠡᠯᠡᠭᠦᠯᠳᠡᠭ ᠪᠠᠢ᠌ᠭᠰᠠᠨ᠎ᠢ ᠶᠠᠰᠤ ᠴᠢᠨᠠᠷ᠎ᠤᠨ ᠤᠷᠴᠢᠨ᠎ᠢ ᠰᠢᠯᠢᠳᠡᠭᠵᠢᠬᠦᠯᠬᠦ ᠵᠦᠭ ᠬᠤᠪᠢᠷᠠᠭᠤᠯᠵᠦ᠂ ᠲᠤᠬᠠᠢ᠌ᠯᠠᠭᠰᠠᠨ ᠠᠵᠢᠯ᠎ᠤᠨ ᠤᠷᠤᠯᠭ᠎ᠠ ᠵᠢ ᠨᠢᠭᠡᠨ ᠨᠢᠭᠡᠴᠡ ᠵᠢᠨ ᠠᠵᠢᠯ᠎ᠤᠨ ᠬᠡᠮᠵᠢᠶ᠎ᠡ ᠵᠢ ᠰᠢᠯᠭ᠋ᠠᠬᠤ ᠦᠨᠳᠤᠰᠤᠨ ᠬᠡᠮᠵᠢᠭᠦᠷ ᠪᠤᠯᠭ᠋ᠠᠵᠦ᠂ ᠶᠠᠰᠤ ᠴᠢᠨᠠᠷ᠎ᠢ ᠳᠡᠭᠡᠭᠰᠢᠯᠡᠭᠦᠯᠬᠦ ᠬᠤᠷᠳᠤᠴᠠ ᠪᠤᠯᠤᠨ ᠶᠠᠰᠤ ᠴᠢᠨᠠᠷ᠎ᠤᠨ ᠤᠷᠴᠢᠨ᠎ᠤ ᠰᠠᠢ᠌ᠨ ᠮᠠᠭᠤ᠎ᠪᠠᠷ ᠨᠢᠭᠡᠨ ᠨᠢᠭᠡᠴᠡ ᠵᠢ ᠦᠨᠡᠯᠡᠬᠦ ᠴᠢᠬᠤᠯᠠ ᠪᠠᠷᠢᠮᠵᠢᠶ᠎ᠠ ᠪᠤᠯᠭ᠋ᠠᠬᠤ ᠬᠡᠷᠡᠭᠲᠠᠢ᠃ ᠭᠤᠷᠪᠠ᠎ᠳᠤ ᠶᠠᠰᠤ ᠴᠢᠨᠠᠷ᠎ᠤᠨ ᠬᠢᠨᠠᠨ ᠬᠠᠮᠢᠶᠠᠷᠬᠤ ᠬᠡᠪᠴᠢᠶ᠎ᠡ᠎ᠪᠠᠨ ᠦᠷᠭᠡᠳᠬᠡᠬᠦ ᠬᠡᠷᠡᠭᠲᠠᠢ᠃ ᠶᠠᠰᠤ ᠴᠢᠨᠠᠷ᠎ᠤᠨ ᠬᠢᠨᠠᠨ ᠬᠠᠮᠢᠶᠠᠷᠬᠤ ᠬᠡᠪᠴᠢᠶ᠎ᠡ᠎ᠪᠠᠨ ᠦᠷᠭᠡᠳᠬᠡᠬᠦ ᠪᠤᠯ ᠬᠤᠭᠤᠰᠤᠨ᠎ᠢ ᠨᠦᠬᠦᠪᠤᠷᠢᠯᠡᠬᠦ᠂ ᠬᠢᠨᠠᠨ ᠬᠠᠮᠢᠶᠠᠷᠬᠤ ᠪᠦᠷᠬᠦᠴᠡ ᠵᠢ ᠦᠷᠬᠡᠵᠢᠭᠦᠯᠬᠦ᠂ ᠬᠢᠨᠠᠨ ᠬᠠᠮᠢᠶᠠᠷᠬᠤ ᠦᠷ᠎ᠡ ᠪᠦᠳᠤᠭᠡᠯ᠎ᠢ ᠨᠡᠮᠡᠭᠳᠡᠭᠦᠯᠬᠦ ᠵᠢᠨ ᠴᠢᠬᠤᠯᠠ ᠠᠷᠭ᠎ᠠ ᠵᠠᠮ ᠮᠦᠨ᠃ ᠤᠳᠤᠬᠠᠨ᠎ᠤ ᠶᠠᠰᠤ ᠴᠢᠨᠠᠷ᠎ᠤᠨ ᠬᠢᠨᠠᠯᠳᠠ ᠬᠠᠮᠢᠶᠠᠷᠤᠯᠳᠠ ᠪᠠ ᠡᠷᠬᠡ ᠴᠢᠳᠠᠪᠤᠷᠢ ᠵᠢᠨ ᠤᠷᠤᠨ ᠲᠤᠭᠳᠠᠭ᠋ᠠᠯᠳᠠ᠎ᠠᠴᠠ ᠦᠵᠡᠪᠡᠯ᠂ ᠪᠢᠳᠡ ᠪᠠᠰᠠ ᠮᠠᠰᠢ ᠤᠯᠠᠨ ᠬᠦᠷᠢᠶ᠎ᠡ ᠬᠡᠪᠴᠢᠶ᠎ᠡ ᠵᠢ ᠭᠦᠢ᠍ᠴᠡᠳ ᠬᠠᠮᠤᠷᠠᠭ᠋ᠠᠳᠤᠢ᠂ ᠪᠠᠰᠠ ᠨᠡᠭᠡ ᠪᠦᠯᠦᠭ ᠡᠷᠭᠡ ᠴᠢᠳᠠᠪᠤᠷᠢ ᠦᠢ᠍ᠯᠡᠳᠤᠯ ᠵᠶ᠋ᠡᠨ ᠦᠨᠡᠨᠬᠦ ᠪᠠᠳᠠᠷᠠᠭᠤᠯᠤᠭ᠋ᠠᠳᠤᠢ᠂ ᠪᠠᠰᠠ ᠨᠡᠯᠢᠶᠡᠳ ᠤᠯᠠᠨ ᠬᠢᠨᠠᠨ ᠬᠠᠮᠢᠶᠠᠷᠬᠤ ᠠᠷᠭ᠎ᠠ᠎ᠳᠤ ᠪᠦᠳᠤᠮᠵᠢᠲᠠᠢ ᠠᠳᠬᠤᠴᠠ ᠲᠤᠳᠠᠭᠳᠠᠵᠦ᠂ ᠬᠢᠨᠠᠨ ᠬᠠᠮᠢᠶᠠᠷᠤᠯᠳᠠ ᠵᠢᠨ ᠬᠦᠴᠤᠨ ᠳᠡᠭᠦᠯᠳᠡᠷ ᠪᠤᠰᠤ᠂ ᠦᠷ᠎ᠡ ᠪᠦᠳᠤᠮᠵᠢ᠎ᠪᠠᠷ ᠪᠠᠷᠤᠭᠲᠠᠢ ᠪᠠᠢ᠌ᠬᠤ ᠦᠵᠡᠭᠳᠡᠯ ᠨᠡᠢ᠌ᠳᠡᠮ ᠤᠷᠤᠰᠢᠵᠦ᠂ ᠪᠢᠳᠡᠨ᠎ᠢ ᠵᠢᠯ ᠵᠢᠯ ᠬᠠᠭᠤᠴᠢᠨ ᠳᠠᠭᠤᠤ᠎ᠪᠠᠨ ᠲᠠᠪᠳᠠᠨ ᠳᠠᠭᠤᠯᠠᠬᠤ ᠪᠤᠯᠭ᠋ᠠᠵᠦ᠂ ᠨᠢᠭᠡ ᠪᠦᠯᠦᠭ ᠦᠢ᠍ᠯᠡᠳᠭᠦᠨ᠎ᠤ ᠬᠢᠷᠢ᠎ᠳᠤ ᠳᠡᠩᠴᠡᠬᠦ ᠨᠤᠷᠮ᠎ᠠ᠎ᠨᠢ ᠮᠦᠨᠬᠦ ᠤᠤᠯ ᠬᠡᠪ᠎ᠲᠡᠭᠡᠨ ᠡᠷᠬᠢᠯᠳᠤᠵᠦ ᠪᠠᠢ᠌ᠨ᠎ᠠ᠃ ᠬᠢᠨᠠᠨ ᠬᠠᠮᠢᠶᠠᠷᠬᠤ ᠬᠦᠷᠢᠶ᠎ᠡ ᠵᠢ ᠦᠷᠭᠡᠳᠬᠡᠬᠦ᠎ᠳᠤ ᠡᠩ ᠳᠡᠷᠢᠬᠦᠨ᠎ᠳᠤ ᠦᠵᠡᠯ ᠲᠠᠨᠢᠯᠳᠠ ᠵᠢᠨ ᠲᠠᠯ᠎ᠠ᠎ᠪᠠᠷ ᠴᠢᠯᠤᠬᠡᠲᠠᠢ ᠪᠤᠯᠭ᠋ᠠᠵᠦ᠂ ᠤᠯᠠᠮᠵᠢᠯᠠᠯᠳᠤ ᠬᠠᠯᠬᠠᠪᠴᠢ ᠵᠢ ᠵᠤᠷᠢᠭᠲᠠᠢ᠎ᠪᠠᠷ ᠰᠢᠪᠳᠤᠯᠵᠦ᠂ ᠬᠠᠭᠤᠴᠢᠨ ᠳᠠᠳᠬᠠᠯ᠎ᠲᠠᠢ ᠵᠤᠷᠢᠭᠲᠠᠢ᠎ᠪᠠᠷ ᠳᠠᠢ᠌ᠨ ᠵᠠᠷᠯᠠᠵᠦ᠂ ᠰᠢᠨ᠎ᠡ ᠬᠦᠷᠢᠶ᠎ᠡ ᠬᠡᠪᠴᠢᠶ᠎ᠡ ᠵᠢ ᠡᠵᠡᠮᠳᠡᠵᠦ᠂ ᠰᠢᠨ᠎ᠡ ᠬᠡᠷᠡᠭ ᠪᠤᠳᠠᠰ᠎ᠢ ᠬᠦᠯᠢᠶᠡᠨ ᠠᠪᠬᠤ ᠬᠡᠷᠡᠭᠲᠠᠢ᠃ ᠲᠠᠷᠠᠭ᠎ᠠ᠎ᠳᠤᠨᠢ ᠶᠠᠰᠤ ᠴᠢᠨᠠᠷ᠎ᠢ ᠳᠡᠭᠡᠭᠰᠢᠯᠡᠭᠦᠯᠬᠦ ᠪᠠ ᠮᠡᠷᠭᠡᠵᠢᠯ ᠵᠶ᠋ᠡᠷ ᠲᠤᠯᠭ᠋ᠠᠭᠤᠷᠢᠯᠠᠬᠤ ᠠᠩᠬᠠᠷᠤᠯ᠎ᠤᠨ ᠴᠢᠭ᠎ᠢ ᠰᠢᠨ᠎ᠡ ᠠᠵᠦ ᠦᠢ᠍ᠯᠠᠰ᠂ ᠰᠢᠨ᠎ᠠ ᠦᠢ᠍ᠯᠡᠴᠢᠯᠡᠭᠡᠨ᠎ᠤ ᠦᠢ᠍ᠯᠡᠰ᠂ ᠤᠷᠴᠢᠨ ᠲᠤᠭᠤᠷᠢᠨ᠎ᠤ ᠢᠨᠵᠸᠨ᠋ᠸᠷᠢᠩ᠂ ᠡᠯᠸᠺᠲᠷᠤᠨ ᠬᠤᠳᠠᠯᠳᠤᠭ᠎ᠠ᠂ ᠪᠠᠭ᠎ᠠ ᠵᠢᠵᠢᠭ ᠠᠵᠦ ᠠᠬᠤᠢ᠌ᠯᠠᠯ᠎ᠳᠤ ᠰᠢᠯᠵᠢᠭᠦᠯᠬᠦ ᠬᠡᠷᠡᠭᠲᠠᠢ᠃ ᠭᠤᠷᠪᠠᠳᠤᠭ᠋ᠠᠷ᠎ᠲᠤ ᠲᠤᠳᠠᠮᠠᠭ ᠲᠠᠯ᠎ᠠ᠎ᠪᠠᠨ ᠲᠠᠷᠤᠢ᠌ᠬᠠᠨ ᠨᠦᠬᠦᠵᠦ᠂ ᠶᠠᠮᠠᠷᠪᠠ ᠨᠢᠬᠡᠨ ᠠᠵᠦ ᠠᠬᠤᠢ᠌ᠯᠠᠯ᠂ ᠶᠠᠮᠠᠷᠪᠠ ᠨᠢᠭᠡᠨ ᠦᠢ᠍ᠯᠡᠳᠬᠦᠨ᠎ᠢ ᠪᠦᠳᠤᠮᠵᠢᠳᠤ ᠬᠢᠨᠠᠯᠳᠠ ᠬᠠᠮᠢᠶᠠᠷᠤᠯᠳᠠ᠎ᠠᠴᠠ ᠭᠠᠳᠠᠨ᠎ᠠ ᠲᠤᠷ᠎ᠠ᠎ᠪᠠᠷ᠎ᠨᠢ ᠳᠠᠯᠪᠢᠵᠦ ᠪᠤᠯᠬᠤ ᠦᠬᠡᠢ᠃ ᠲᠦᠷᠪᠡᠳᠤᠭᠡᠷ᠎ᠲᠤ᠂ ᠶᠠᠰᠤ ᠴᠢᠨᠠᠷ᠎ᠢ ᠬᠢᠨᠠᠨ ᠬᠠᠮᠢᠶᠠᠷᠬᠤ᠂ ᠬᠠᠤᠯᠢ ᠬᠡᠷᠡᠭᠵᠢᠭᠦᠯᠦᠨ ᠬᠤᠳᠠᠯ ᠬᠠᠭᠤᠷᠮᠠᠭ᠎ᠲᠤ ᠴᠤᠬᠢᠯᠳᠠ ᠦᠭᠬᠦ ᠬᠦᠴᠤᠨ᠎ᠢ ᠵᠤᠬᠢᠰᠲᠠᠢ ᠲᠤᠬᠢᠷᠠᠭᠤᠯᠵᠦ᠂ ᠭᠤᠤᠯ ᠬᠦᠴᠤᠨ ᠵᠶ᠋ᠡᠨ ᠦᠢ᠍ᠯᠡᠳᠪᠤᠷᠢᠯᠡᠯ᠎ᠤᠨ ᠴᠢᠳᠠᠮᠵᠢ᠎ᠨᠢ ᠦᠯᠡᠭᠦᠳᠡᠭᠰᠡᠨ᠂ ᠡᠬᠢ ᠪᠠᠶᠠᠯᠢᠭ᠎ᠤᠨ ᠲᠤᠬᠢᠷᠠᠭᠤᠯᠤᠯᠳᠠ ᠵᠢᠨ ᠦᠷ᠎ᠡ ᠠᠰᠢᠭ᠎ᠤᠨ ᠤᠷᠮ᠎ᠠ᠎ᠨᠢ ᠦᠨᠳᠤᠷ ᠪᠢᠰᠢ ᠪᠠᠢ᠌ᠭ᠎ᠠ ᠠᠵᠦ ᠠᠬᠤᠢ᠌ᠯᠠᠯ᠎ᠢ ᠬᠢᠨᠠᠨ ᠬᠠᠮᠢᠶᠠᠷᠬᠤ᠎ᠳᠤ ᠬᠡᠷᠡᠭᠯᠡᠵᠦ᠂ ᠭᠠᠪᠰᠢᠭ᠋ᠠᠢ ᠬᠦᠴᠤᠨ ᠵᠶ᠋ᠡᠨ ᠰᠢᠨ᠎ᠡ ᠮᠡᠷᠭᠡᠵᠢᠯ᠂ ᠰᠢᠨ᠎ᠡ ᠦᠢ᠍ᠯᠡᠳᠬᠦᠨ᠂ ᠰᠢᠨ᠎ᠡ ᠦᠢ᠍ᠯᠡᠰ᠂ ᠰᠢᠨ᠎ᠡ ᠬᠤᠳᠠᠯᠳᠤᠭ᠋ᠠᠨ᠎ᠤ ᠦᠯᠢᠭᠡᠷ ᠬᠡᠪ ᠵᠡᠷᠭᠡ ᠬᠦᠷᠢᠶᠡᠨ᠎ᠳᠤ ᠬᠡᠷᠡᠭᠯᠡᠬᠦ ᠬᠡᠷᠡᠭᠲᠠᠢ᠂ ᠳᠠᠪᠤᠳᠠᠭ᠋ᠠᠷᠲᠤ᠂ ᠡᠯ᠎ᠡ ᠬᠦᠷᠢᠶᠡᠨ᠎ᠤ ᠶᠠᠰᠤ ᠴᠢᠨᠠᠷ᠎ᠤᠨ ᠬᠢᠨᠠᠯᠳᠠ ᠬᠠᠮᠢᠶᠠᠷᠤᠯᠳᠠ ᠵᠢ ᠬᠠᠮᠤᠷᠠᠭᠰᠠᠨ ᠪᠦᠳᠤᠮᠵᠢᠲᠠᠢ ᠠᠳᠬᠤᠴᠠ ᠵᠢ ᠡᠷᠢᠨ ᠤᠯᠵᠦ᠂ ᠡᠷᠡᠰ ᠴᠢᠩᠭ᠎ᠠ ᠬᠦᠴᠤᠨ ᠳᠡᠭᠦᠯᠳᠡᠷ ᠠᠷᠭ᠎ᠠ ᠬᠡᠮᠵᠢᠶ᠎ᠡ ᠪᠤᠯᠤᠨ ᠰᠢᠨᠵᠢᠯᠡᠬᠦ ᠤᠬᠠᠭ᠋ᠠᠨᠴᠢ ᠪᠦᠳᠤᠮᠵᠢᠲᠠᠢ ᠠᠷᠭ᠎ᠠ᠎ᠳᠤ ᠲᠦᠰᠢᠭᠯᠡᠨ᠂ ᠪᠦᠬᠦ ᠲᠠᠯ᠎ᠠ᠎ᠪᠠᠷ ᠬᠢᠨᠠᠨ ᠬᠠᠮᠢᠶᠠᠷᠬᠤ᠂ ᠲᠦᠷᠢᠮ ᠵᠶ᠋ᠡᠷ ᠬᠢᠨᠠᠨ ᠬᠠᠮᠢᠶᠠᠷᠬᠤ᠂ ᠤᠷᠳᠤ ᠬᠤᠭᠤᠴᠠᠭ᠎ᠠ᠎ᠪᠠᠷ ᠬᠢᠨᠠᠨ ᠬᠠᠮᠢᠶᠠᠷᠬᠤ ᠬᠡᠷᠡᠭᠲᠠᠢ᠃
[ᠭᠤᠤ ᠢᠩ ᠵᠢᠶᠸ] (ᠭᠤᠷᠪᠠ) ᠦᠬᠡᠷᠡᠴᠢᠯᠡᠬᠦ ᠪᠠ ᠬᠠᠤᠯᠢ᠎ᠪᠠᠷ ᠵᠠᠰᠠᠬᠤ᠎ᠪᠠᠷ ᠬᠦᠳᠡᠯᠭᠡᠬᠦ ᠬᠦᠴᠤᠨ ᠪᠤᠯᠭ᠋ᠠᠵᠦ᠂ ᠶᠠᠰᠤ ᠴᠢᠨᠠᠷ᠎ᠲᠤ ᠬᠢᠨᠠᠯᠳᠠ ᠳᠠᠯᠪᠢᠬᠤ ᠦᠢ᠍ᠯᠡᠰ᠎ᠤᠨ ᠦᠷᠬᠦᠯᠵᠢᠯᠡᠨ ᠡᠷᠡᠭᠦᠯ ᠵᠶ᠋ᠡᠷ ᠬᠦᠭᠵᠢᠬᠦ ᠵᠢ ᠠᠬᠢᠭᠤᠯᠬᠤ ᠬᠡᠷᠡᠭᠲᠠᠢ᠃
ᠦᠭᠡᠷᠡᠴᠢᠯᠡᠯᠳᠠ ᠵᠢ ᠪᠦᠬᠦ ᠲᠠᠯ᠎ᠠ᠎ᠪᠠᠷ ᠬᠦᠨᠵᠡᠭᠡᠢ᠌ᠷᠡᠬᠦᠯᠬᠦ ᠪᠤᠯ ᠶᠠᠰᠤ ᠴᠢᠨᠠᠷ᠎ᠤᠨ ᠬᠢᠨᠠᠯᠳᠠ ᠬᠠᠮᠢᠶᠠᠷᠤᠯᠳᠠ ᠵᠢᠨ ᠦᠢ᠍ᠯᠡᠰ᠎ᠤᠨ ᠬᠦᠭᠵᠢᠯᠳᠡ ᠵᠢ ᠠᠬᠢᠭᠤᠯᠬᠤ ᠠᠮᠢᠳᠤ ᠬᠦᠴᠤᠨ᠎ᠤ ᠡᠬᠢ ᠪᠤᠯᠠᠭ ᠮᠦᠨ᠂ ᠶᠡᠬᠡ ᠪᠠᠢ᠌ᠳᠠᠯ᠎ᠤᠨ ᠬᠠᠨᠳᠤᠰᠢ᠂ ᠬᠦᠭᠵᠢᠯᠳᠠ ᠵᠢᠨ ᠬᠡᠷᠡᠭᠴᠡᠭᠡ ᠮᠦᠨ᠂ ᠵᠤᠭᠰᠤᠩᠭᠤᠢ᠌ᠷᠠᠬᠤ ᠪᠠ ᠤᠬᠤᠷᠢᠬᠤ᠎ᠨᠢ ᠭᠠᠷᠬᠤ ᠵᠠᠮ ᠦᠬᠡᠢ ᠶᠤᠮ᠃ ᠨᠢᠭᠡ᠎ᠳᠤ ᠲᠤᠮᠤ ᠶᠠᠰᠤ ᠴᠢᠨᠠᠷ᠎ᠤᠨ ᠠᠵᠢᠯ᠎ᠤᠨ ᠰᠢᠨ᠎ᠡ ᠲᠤᠭᠳᠠᠴᠠ ᠵᠢ ᠪᠠᠢ᠌ᠭᠤᠯᠤᠨ᠎ᠠ᠃ ᠵᠠᠰᠠᠭ᠎ᠤᠨ ᠤᠷᠳᠤᠨ ᠵᠢᠯᠤᠭᠤᠳᠬᠤ᠂ ᠰᠠᠯᠠᠭ᠎ᠠ ᠮᠦᠴᠢᠷ ᠠᠬᠢᠭᠤᠯᠬᠤ᠂ ᠠᠵᠦ ᠠᠬᠤᠢ᠌ᠯᠠᠯ ᠭᠤᠤᠯ ᠬᠠᠷᠢᠭᠤᠴᠠᠬᠤ᠂ ᠨᠡᠢ᠌ᠭᠡᠮ ᠨᠡᠢ᠌ᠳᠡ᠎ᠠᠴᠠ ᠬᠢᠨᠡᠯᠳᠠ ᠳᠠᠯᠪᠢᠬᠤ᠎ᠪᠠᠷ ᠭᠤᠤᠯ ᠠᠭᠤᠯᠭ᠎ᠠ ᠪᠤᠯᠭ᠋ᠠᠭᠰᠠᠨ ᠲᠤᠮᠤ ᠶᠠᠰᠤ ᠴᠢᠨᠠᠷ᠎ᠤᠨ ᠰᠢᠨ᠎ᠡ ᠲᠤᠭᠳᠠᠴᠠ ᠵᠢ ᠪᠠᠢ᠌ᠭᠤᠯᠤᠨ᠂ ᠶᠠᠰᠤ ᠴᠢᠨᠠᠷ᠎ᠤᠨ ᠠᠮᠤᠷ ᠲᠦᠪᠰᠢᠨ᠎ᠳᠤ ᠵᠠᠰᠠᠭ᠎ᠤᠨ ᠤᠷᠳᠤᠨ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠬᠦ᠂ ᠰᠠᠯᠠᠭ᠎ᠠ ᠮᠦᠴᠢᠷ ᠬᠢᠨᠠᠨ ᠬᠠᠮᠢᠶᠠᠷᠬᠤ ᠬᠠᠷᠢᠭᠤᠴᠠᠯᠭ᠎ᠠ ᠡᠭᠦᠷᠬᠡᠯᠡᠬᠦ᠂ ᠠᠵᠦ ᠠᠬᠤᠢ᠌ᠯᠠᠯ ᠭᠤᠤᠯ ᠴᠤᠭᠴᠠ ᠵᠢᠨ ᠬᠠᠷᠢᠭᠤᠴᠠᠯᠭ᠎ᠠ ᠡᠭᠦᠷᠭᠡᠯᠡᠬᠦ᠂ ᠨᠡᠢ᠌ᠭᠡᠮ ᠨᠡᠢ᠌ᠳᠡ ᠬᠢᠨᠠᠯᠳᠠ ᠳᠠᠯᠪᠢᠬᠤ ᠬᠠᠷᠢᠭᠤᠴᠠᠯᠭ᠎ᠠ ᠵᠢ ᠡᠭᠦᠷᠭᠡᠯᠡᠬᠦ ᠵᠢ ᠨᠠᠢ᠌ᠳᠠᠪᠤᠷᠢᠵᠢᠭᠤᠯᠤᠨ᠎ᠠ᠃ ᠬᠤᠶᠠᠷ᠎ᠲᠤ᠂ 《ᠴᠢᠯᠤᠭᠡᠲᠠᠢ ᠪᠤᠯᠭ᠋ᠠᠬᠤ᠂ ᠬᠠᠮᠢᠶᠠᠷᠬᠤ᠂ ᠵᠠᠰᠠᠬᠤ》 ᠰᠢᠨ᠎ᠡ ᠪᠠᠢ᠌ᠳᠠᠯ᠎ᠢ ᠪᠤᠢ ᠪᠤᠯᠭ᠋ᠠᠨ᠎ᠠ᠃ 《ᠴᠢᠯᠤᠭᠡᠲᠠᠢ ᠪᠤᠯᠭ᠋ᠠᠬᠤ》 ᠬᠡᠳᠡᠭ᠎ᠨᠢ ᠶᠡᠬᠡ ᠬᠦᠴᠤ ᠤᠷᠤᠭᠤᠯᠤᠨ ᠬᠢᠨᠠᠨ ᠵᠦᠪᠰᠢᠶᠡᠷᠡᠬᠦ ᠲᠦᠷᠦᠯ ᠵᠦᠢ᠍ᠯ ᠪᠤᠯᠤᠨ ᠵᠠᠷᠤᠳᠠᠯ ᠬᠤᠷᠢᠶᠠᠬᠤ ᠲᠦᠷᠦᠯ ᠵᠦᠢ᠍ᠯ᠎ᠢ ᠬᠠᠰᠤᠵᠦ᠂ ᠰᠢᠭᠤᠳ ᠰᠢᠯᠤᠭᠤᠨ ᠵᠠᠮ ᠨᠡᠭᠡᠭᠡᠬᠦ᠂ ᠤᠷᠢᠳᠡᠪᠡᠷ ᠦᠨᠡᠮᠯᠡᠯ ᠤᠯᠭᠤᠨ ᠳᠠᠷᠠᠭ᠎ᠠ᠎ᠪᠠᠷ᠎ᠨᠢ ᠬᠢᠨᠠᠬᠤ ᠵᠡᠷᠭᠡ ᠲᠤᠷᠰᠢᠯᠳᠠ ᠬᠢᠵᠦ᠂ ᠵᠠᠷᠢᠮ ᠦᠨᠡᠮᠯᠡᠯ ᠰᠤᠯᠢᠬᠤ ᠵᠢ ᠵᠦᠪᠰᠢᠶᠡᠷᠡᠬᠦᠯᠬᠦ᠎ᠳᠤ ᠲᠤᠬᠠᠢ ᠵᠢᠨ ᠭᠠᠵᠠᠷ᠎ᠨᠢ ᠬᠢᠨᠠᠨ ᠪᠠᠢ᠌ᠴᠠᠭ᠋ᠠᠳᠠᠭ ᠵᠠᠩᠭᠢᠯᠠᠭ᠎ᠠ ᠵᠢ ᠬᠠᠰᠤᠵᠦ᠂ ᠠᠵᠢᠯ᠎ᠤᠨ ᠭᠤᠤᠯᠳᠠᠯᠭ᠎ᠠ᠎ᠪᠠᠨ ᠬᠢᠨᠠᠨ ᠵᠦᠪᠰᠢᠶᠡᠷᠡᠬᠦ ᠪᠦᠳᠤᠮᠵᠢ ᠵᠢᠨ ᠨᠤᠷᠮ᠎ᠠ ᠵᠢ ᠳᠡᠭᠡᠭᠰᠢᠯᠡᠬᠦᠯᠬᠦ᠂ ᠬᠢᠨᠠᠨ ᠵᠦᠪᠰᠢᠶᠡᠷᠡᠬᠦ ᠴᠠᠭ ᠬᠤᠭᠤᠴᠠᠭ᠎ᠠ ᠵᠢ ᠪᠤᠭᠤᠨᠢᠰᠬᠠᠬᠤ᠂ ᠬᠢᠨᠠᠨ ᠵᠦᠪᠰᠢᠶᠡᠷᠡᠬᠦ ᠴᠢᠨᠠᠷ ᠵᠢ ᠳᠡᠭᠡᠭᠰᠢᠯᠡᠬᠦᠯᠬᠦ ᠳᠡᠭᠡᠷ᠎ᠡ ᠳᠠᠯᠪᠢᠨ᠎ᠠ᠃ 《ᠬᠠᠮᠢᠶᠠᠷᠬᠤ》 ᠭᠡᠳᠡᠭ᠎ᠨᠢ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠲᠤᠳᠤᠷᠬᠠᠢ᠌ᠯᠠᠵᠦ᠂ ᠬᠦᠳᠠᠯᠤᠯ ᠪᠠᠢ᠌ᠳᠠᠯ᠎ᠢ ᠬᠢᠨᠠᠨ ᠬᠠᠮᠢᠶᠠᠷᠬᠤ᠂ ᠤᠷᠤᠨ ᠲᠤᠭᠤᠷᠢᠭ᠎ᠢ ᠬᠢᠨᠠᠨ ᠬᠠᠮᠢᠶᠠᠷᠬᠤ᠂ ᠲᠦᠷᠦᠯ ᠬᠤᠪᠢᠶᠠᠨ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠵᠢ ᠳᠠᠰᠤᠷᠠᠯᠳᠠ ᠦᠬᠡᠢ ᠳᠡᠭᠦᠯᠳᠡᠷᠵᠢᠬᠦᠯᠵᠦ᠂ ᠵᠠᠬ᠎ᠠ ᠳᠡᠯᠭᠡᠭᠦᠷ᠎ᠤᠨ ᠭᠠᠭᠴᠠᠭ᠋ᠠᠷ ᠡᠵᠡᠷᠬᠡᠭᠯᠡᠯ ᠪᠠ ᠤᠷᠤᠨ ᠨᠤᠳᠤᠭ᠎ᠤᠨ ᠬᠠᠮᠠᠭ᠋ᠠᠯᠠᠯᠳᠠ ᠵᠢ ᠡᠪᠳᠡᠨ᠎ᠠ᠃ 《ᠵᠠᠰᠠᠬᠤ》 ᠭᠡᠳᠡᠭ᠎ᠨᠢ ᠨᠡᠢ᠌ᠭᠡᠮ ᠨᠡᠢ᠌ᠳᠡ᠎ᠪᠠᠷ ᠵᠶ᠋ᠡᠨ ᠬᠠᠮᠳᠤ᠎ᠪᠠᠷ ᠵᠠᠰᠠᠬᠤ ᠵᠢ ᠴᠢᠬᠤᠯᠠᠴᠢᠯᠠᠵᠦ᠂ 《ᠬᠦᠮᠤᠨ ᠪᠦᠬᠦᠨ ᠶᠠᠰᠤ ᠴᠢᠨᠠᠷ᠎ᠢ ᠬᠦᠨᠳᠤᠳᠭᠡᠬᠦ᠂ ᠬᠦᠮᠤᠨ ᠪᠦᠬᠦᠨ ᠶᠠᠰᠤ ᠴᠢᠨᠠᠷ᠎ᠢ ᠡᠭᠦᠳᠬᠦ᠂ ᠬᠦᠮᠤᠨ ᠪᠦᠬᠦᠨ ᠶᠠᠰᠤ ᠴᠢᠨᠠᠷ᠎ᠠᠴᠠ ᠠᠰᠢᠭ ᠬᠦᠷᠳᠡᠬᠦ》 ᠬᠦᠨ ᠵᠤᠵᠠᠭ᠋ᠠᠨ ᠠᠭᠤᠷ ᠠᠮᠢᠰᠬᠤᠯ᠎ᠢ ᠪᠤᠢ ᠪᠤᠯᠭ᠋ᠠᠨ᠎ᠠ᠃ ᠭᠤᠷᠪᠠ᠎ᠳᠤ᠂ ᠬᠠᠤᠯᠢ ᠬᠡᠷᠡᠭᠵᠢᠬᠦᠯᠤᠨ ᠬᠢᠨᠠᠨ ᠬᠠᠮᠢᠶᠠᠷᠬᠤ ᠰᠢᠨ᠎ᠡ ᠬᠡᠪ ᠵᠠᠭᠪᠤᠷ᠎ᠢ ᠪᠤᠢ ᠪᠤᠯᠭ᠋ᠠᠨ᠎ᠠ᠃ ᠡᠷᠬᠡ ᠮᠡᠳᠡᠯ ᠪᠠ ᠡᠷᠬᠡ ᠠᠰᠢᠭ᠎ᠢ ᠲᠤᠢ᠌ᠯᠪᠤᠷᠢᠲᠠᠢ ᠰᠠᠯᠭ᠋ᠠᠬᠤ᠂ ᠡᠷᠭᠡ ᠮᠡᠳᠡᠯ ᠪᠠ ᠬᠠᠷᠢᠭᠤᠴᠠᠯᠭ᠎ᠠ ᠵᠢ ᠨᠢᠭᠳᠠ ᠬᠤᠯᠪᠤᠭᠳᠠᠭᠤᠯᠬᠤ ᠵᠠᠷᠴᠢᠮ ᠵᠶ᠋ᠡᠷ ᠶᠠᠰᠤ ᠴᠢᠨᠠᠷ ᠵᠢᠨ ᠬᠢᠨᠠᠯᠳᠠ ᠬᠠᠮᠢᠶᠠᠷᠤᠯᠳᠠ᠎ᠲᠠᠢ ᠬᠤᠯᠪᠤᠭᠳᠠᠬᠤ ᠵᠰᠠᠭ ᠵᠠᠬᠢᠷᠭ᠋ᠠᠨ᠎ᠤ ᠲᠤᠷᠭ᠋ᠠᠭᠤᠯᠢ ᠪᠠ ᠵᠠᠰᠠᠭ ᠵᠬᠢᠷᠭ᠋ᠠᠨᠤ ᠠᠯᠪᠠᠳᠠᠯᠭ᠎ᠠ ᠵᠢᠨ ᠡᠷᠬᠡ ᠵᠢ ᠴᠡᠭᠴᠡᠯᠡᠵᠦ᠂ ᠬᠠᠤᠯᠢ ᠬᠡᠷᠡᠭᠵᠢᠭᠦᠯᠬᠦ ᠨᠢᠭᠡᠨ ᠪᠠᠢ᠌ᠭᠤᠯᠤᠮᠵᠢ᠎ᠠᠴᠠ ᠬᠠᠤᠯᠢ ᠬᠡᠷᠡᠭᠵᠢᠭᠦᠯᠬᠦ ᠡᠷᠬᠡ ᠵᠢ ᠬᠡᠷᠡᠭᠵᠢᠭᠦᠯᠬᠦ ᠲᠦᠪᠯᠡᠷᠡᠭᠦᠯᠤᠨ ᠬᠠᠤᠯᠢ ᠬᠡᠷᠡᠭᠵᠢᠭᠦᠯᠬᠦ ᠰᠢᠨ᠎ᠡ ᠬᠡᠪ ᠵᠠᠭᠪᠤᠷ᠎ᠢ ᠰᠦᠪᠡᠭᠴᠢᠯᠡᠵᠦ᠂ ᠶᠠᠰᠤ ᠴᠢᠨᠠᠷ᠎ᠲᠤ ᠬᠢᠨᠠᠯᠳᠠ ᠳᠠᠯᠪᠢᠬᠤ ᠬᠠᠤᠯᠢ ᠬᠡᠷᠡᠭᠵᠢᠭᠦᠯᠬᠦ ᠠᠵᠢᠯᠳᠠᠳ᠎ᠤᠨ ᠲᠤᠰᠬᠠᠢ᠌ᠵᠢᠭᠤᠯᠤᠯᠳᠠ᠂ ᠠᠵᠢᠯ᠎ᠤᠨ ᠲᠤᠰᠬᠠᠢ᠌ᠵᠢᠭᠤᠯᠤᠯᠳᠠ᠂ ᠠᠵᠢᠯᠯᠠᠭ᠎ᠠ ᠵᠢᠨ ᠵᠢᠷᠤᠮᠵᠢᠭᠤᠯᠤᠯᠳᠠ ᠪᠠ ᠲᠤᠨᠤᠭ ᠲᠦᠬᠦᠭᠡᠷᠤᠮᠵᠢ ᠵᠢᠨ ᠪᠠᠷᠢᠮᠵᠢᠶᠠᠵᠢᠭᠤᠯᠤᠯᠳᠠ ᠵᠢ ᠠᠬᠢᠭᠤᠯᠤᠨ᠎ᠠ᠃ ᠬᠠᠤᠯᠢ ᠬᠡᠷᠡᠭᠵᠢᠭᠦᠯᠬᠦ ᠬᠢᠨᠠᠨ ᠬᠠᠮᠢᠶᠠᠷᠤᠯᠳᠠ ᠵᠢᠨ ᠱᠠᠳᠤ ᠬᠤᠪᠢᠶᠠᠨ ᠬᠠᠷᠢᠭᠤᠴᠠᠬᠤ ᠲᠦᠷᠢᠮ᠎ᠢ ᠪᠠᠢ᠌ᠭᠤᠯᠤᠨ᠂ ᠤᠷᠤᠨ᠎ᠤ ᠲᠤᠪᠴᠢᠶ᠎ᠠ᠎ᠨᠢ ᠬᠦᠨᠳᠤ ᠲᠤᠮᠤ ᠬᠡᠷᠡᠭ᠎ᠢ ᠰᠢᠮᠳᠠᠭᠤᠯᠤᠨ ᠰᠢᠢ᠍ᠳᠪᠤᠷᠢᠯᠡᠬᠦ ᠵᠢ ᠵᠢᠯᠤᠭᠤᠳᠬᠤ᠂ ᠤᠷᠤᠨ ᠠᠯᠤᠰᠯᠠᠨ ᠬᠠᠤᠯᠢ ᠬᠡᠷᠡᠭᠵᠢᠭᠦᠯᠬᠦ ᠵᠢ ᠵᠤᠬᠢᠶᠠᠨ ᠪᠠᠢ᠌ᠭᠤᠯᠬᠤ ᠪᠠ ᠪᠦᠬᠦ ᠤᠷᠤᠨ᠎ᠤ ᠴᠢᠨᠠᠷᠲᠠᠢ ᠬᠤᠳᠠᠯ ᠬᠠᠭᠤᠷᠮᠠᠭ᠎ᠲᠤ ᠲᠤᠰᠬᠠᠢ ᠴᠤᠬᠢᠯᠳᠠ ᠦᠭᠬᠦ ᠡᠭᠦᠷᠬᠡ ᠵᠢ ᠪᠠᠢ᠌ᠷᠢᠯᠠᠭᠤᠯᠬᠤ ᠵᠢ ᠬᠠᠷᠢᠭᠤᠴᠠᠨ᠎ᠠ; ᠠᠢ᠌ᠮᠠᠭ ᠬᠤᠳᠠ ᠵᠢᠨ ᠲᠤᠪᠴᠢᠶ᠎ᠠ᠎ᠨᠢ ᠲᠤᠮᠤ ᠬᠡᠷᠡᠭ ᠴᠢᠬᠤᠯᠠ ᠬᠡᠷᠡᠭ᠎ᠢ ᠪᠠᠢ᠌ᠴᠠᠭ᠋ᠠᠨ ᠰᠢᠢ᠍ᠳᠪᠤᠷᠢᠯᠡᠬᠦ᠂ ᠬᠤᠳᠠᠯ ᠬᠠᠭᠤᠷᠮᠠᠭ᠎ᠲᠤ ᠲᠤᠰᠬᠠᠢ ᠴᠤᠬᠢᠯᠳᠠ ᠦᠭᠬᠦ᠂ ᠰᠢᠶᠠᠨ ᠠᠯᠤᠰᠯᠠᠭᠰᠠᠨ ᠬᠡᠷᠡᠭ᠎ᠢ ᠪᠠᠢ᠌ᠴᠠᠭ᠋ᠠᠨ ᠰᠢᠢ᠍ᠳᠪᠤᠷᠢᠯᠡᠬᠦ ᠵᠢ ᠬᠠᠷᠢᠭᠤᠴᠠᠨ᠎ᠠ; ᠬᠤᠰᠢᠭᠤ ᠰᠢᠶᠠᠨ᠎ᠤ ᠲᠤᠪᠴᠢᠶ᠎ᠠ᠎ᠨᠢ ᠪᠤᠳᠠᠳᠤ ᠬᠡᠷᠡᠭ᠎ᠢ ᠪᠠᠢ᠌ᠴᠠᠭ᠋ᠠᠨ ᠰᠢᠢ᠍ᠳᠪᠤᠷᠢᠯᠡᠬᠦ ᠵᠢ ᠬᠠᠷᠢᠭᠤᠴᠠᠨ᠎ᠠ᠃ ᠲᠦᠷᠪᠡ᠎ᠳᠤ ᠰᠢᠯᠭ᠋ᠠᠨ ᠪᠠᠢ᠌ᠴᠠᠭ᠋ᠠᠬᠤ ᠰᠢᠯᠭ᠋ᠠᠨ ᠬᠡᠮᠵᠢᠬᠦ ᠰᠢᠨ᠎ᠠ ᠰᠢᠰᠲᠸᠮ᠎ᠢ ᠪᠠᠢ᠌ᠭᠤᠯᠤᠨ᠎ᠠ᠃ ᠦᠪᠡᠷᠳᠡᠭᠡᠨ ᠵᠠᠰᠠᠬᠤ ᠤᠷᠤᠨ᠎ᠤ ᠱᠠᠳᠤ ᠵᠢᠨ ᠮᠡᠷᠭᠡᠵᠢᠯ᠎ᠤᠨ ᠪᠠᠢ᠌ᠭᠤᠯᠤᠮᠵᠢ ᠵᠢᠨ ᠦᠭᠡᠷᠡᠴᠢᠯᠡᠯᠳᠠ ᠵᠢ ᠠᠬᠢᠭᠤᠯᠵᠦ᠂ 《ᠲᠤᠰᠬᠠᠢ᠌ᠵᠢᠭᠤᠯᠤᠨ ᠲᠡᠰ ᠦᠰᠬᠡᠬᠦ᠂ ᠬᠡᠪᠴᠢᠶᠡᠵᠢᠬᠦᠯᠤᠨ ᠨᠡᠢ᠌ᠯᠡᠭᠦᠯᠬᠦ᠂ ᠵᠠᠬ᠎ᠠ ᠳᠡᠯᠭᠡᠭᠦᠷᠴᠢᠯᠡᠨ ᠡᠵᠡᠩᠨᠡᠬᠦ᠂ ᠠᠵᠦ ᠦᠢ᠍ᠯᠡᠰᠵᠢᠭᠦᠯᠦᠨ ᠬᠦᠭᠵᠢᠭᠦᠯᠬᠦ》 ᠵᠠᠷᠴᠢᠮ ᠵᠶ᠋ᠡᠷ ᠤᠨᠴᠠ ᠪᠠᠢ᠌ᠴᠠᠭ᠋ᠠᠯᠳᠠ ᠵᠢᠨ ᠪᠦᠯᠦᠭᠯᠡᠯ ᠪᠠ ᠶᠠᠰᠤ ᠴᠢᠨᠠᠷ᠎ᠢ ᠪᠠᠢ᠌ᠴᠠᠭ᠋ᠠᠬᠤ ᠪᠦᠯᠦᠭᠯᠡᠯ᠎ᠢ ᠪᠠᠢ᠌ᠭᠤᠯᠵᠦ᠂ ᠤᠯᠤᠰ᠎ᠤᠨ ᠬᠤᠪᠤᠷ ᠰᠢᠷᠤᠢ ᠵᠢᠨ ᠲᠦᠪ᠎ᠤᠨ ᠤᠯᠠᠨ ᠠᠷᠭ᠎ᠠ ᠵᠠᠮ ᠵᠶ᠋ᠡᠷ ᠬᠤᠷᠰᠢᠨ ᠪᠡᠯᠡ ᠲᠤᠬᠢᠷᠠᠭᠤᠯᠬᠤ ᠦᠭᠡᠷᠡᠴᠢᠯᠡᠯᠳᠠ ᠵᠢᠨ ᠲᠤᠷᠰᠢᠯᠳᠠ ᠵᠢ ᠡᠬᠢᠯᠡᠭᠦᠯᠵᠦ᠂ ᠤᠯᠤᠰ᠎ᠤᠨ ᠨᠤᠤᠰᠤ ᠨᠤᠯᠤᠤᠷ᠎ᠤᠨ ᠶᠠᠰᠤ ᠴᠢᠨᠠᠷ᠎ᠤᠨ ᠰᠢᠯᠭ᠋ᠠᠨ ᠪᠠᠢ᠌ᠴᠠᠭ᠋ᠠᠯᠳᠠ ᠵᠢᠨ ᠪᠠᠢ᠌ᠭᠤᠯᠤᠯ᠎ᠤᠨ ᠦᠭᠡᠷᠡᠴᠢᠯᠡᠯᠳᠠ ᠵᠢᠨ ᠲᠤᠷᠰᠢᠯᠳᠠ ᠵᠢᠨ ᠠᠵᠢᠯ᠎ᠢ ᠪᠡᠶᠡᠯᠡᠭᠦᠯᠵᠦ᠂ ᠦᠪᠡᠷᠳᠡᠭᠡᠨ ᠵᠠᠰᠠᠬᠤ ᠤᠷᠤᠨ᠎ᠤ ᠨᠤᠤᠰᠤ ᠨᠤᠯᠤᠤᠷ᠎ᠤᠨ ᠶᠠᠰᠤ ᠴᠢᠨᠠᠷ᠎ᠤᠨ ᠪᠠᠢ᠌ᠴᠠᠭ᠋ᠠᠯᠳᠠ ᠵᠢᠨ ᠰᠤᠯᠢᠯᠴᠠᠭ᠋ᠠᠨ᠎ᠤ ᠲᠠᠪᠴᠠᠩ᠎ᠤᠨ ᠪᠠᠢ᠌ᠭᠤᠯᠤᠯᠳᠠ ᠵᠢ ᠲᠦᠷᠭᠡᠳᠭᠡᠨ᠎ᠡ᠃ ᠶᠠᠰᠤ ᠴᠢᠨᠠᠷ᠎ᠲᠤ ᠬᠢᠨᠠᠯᠳᠠ ᠳᠠᠯᠪᠢᠬᠤ ᠮᠡᠷᠭᠡᠵᠢᠯ᠎ᠤᠨ ᠪᠠᠢ᠌ᠭᠤᠯᠤᠮᠵᠢ ᠵᠢ ᠭᠤᠤᠯ᠎ᠳᠤ᠎ᠪᠠᠷ ᠨᠡᠢ᠌ᠯᠡᠭᠦᠯᠬᠦ ᠪᠠ ᠠᠵᠢᠯ ᠲᠦᠷᠦᠯ ᠠᠯᠤᠰᠯᠠᠨ ᠬᠦᠨᠳᠡᠯᠡᠨ ᠨᠡᠢ᠌ᠯᠡᠭᠦᠯᠬᠦ ᠬᠤᠶᠠᠷ ᠵᠦᠢ᠍ᠯ᠎ᠤᠨ ᠠᠷᠭ᠎ᠠ ᠵᠠᠮ ᠵᠶ᠋ᠡᠷ ᠠᠢ᠌ᠮᠠᠭ ᠬᠤᠳᠠ᠂ ᠬᠤᠰᠢᠭᠤ ᠰᠢᠶᠠᠨ᠎ᠤ ᠰᠢᠯᠭ᠋ᠠᠨ ᠪᠠᠢ᠌ᠴᠠᠭ᠋ᠠᠬᠤ ᠰᠢᠯᠭ᠋ᠠᠨ ᠬᠡᠮᠵᠢᠬᠦ ᠪᠠᠢ᠌ᠭᠤᠯᠤᠮᠵᠢ ᠵᠢ ᠨᠡᠢ᠌ᠯᠡᠭᠦᠯᠬᠦ ᠵᠢ ᠰᠦᠪᠡᠭᠴᠢᠯᠡᠵᠦ᠂ ᠤᠷᠤᠨ ᠲᠤᠭᠤᠷᠢᠭ᠎ᠤᠨ ᠠᠵᠦ ᠠᠬᠤᠢ ᠵᠢᠨ ᠬᠡᠯᠪᠡᠷᠢ᠎ᠪᠠᠨ ᠦᠬᠡᠷᠡᠴᠢᠯᠡᠨ ᠬᠦᠭᠵᠢᠬᠦᠯᠬᠦ᠎ᠳᠤ ᠮᠡᠷᠭᠡᠵᠢᠯ᠎ᠤᠨ ᠪᠠᠢ᠌ᠭᠤᠯᠤᠮᠵᠢ ᠤᠯᠭᠤᠬᠤ ᠪᠠᠢ᠌ᠷᠢᠰᠢᠭᠤᠯᠤᠯ᠎ᠢ ᠪᠤᠢ ᠪᠤᠯᠭ᠋ᠠᠨ᠎ᠠ᠃
[ᠭᠤᠤ ᠢᠩ ᠵᠢᠶᠸ] ᠡᠷᠬᠡ ᠬᠠᠷᠢᠭᠤᠴᠠᠯᠭ᠎ᠠ ᠵᠢ ᠬᠠᠤᠯᠢ᠎ᠪᠠᠷ ᠲᠤᠭᠳᠠᠭ᠋ᠠᠬᠤ᠂ ᠢᠯᠡ ᠭᠤᠤᠯᠴᠢ ᠪᠠᠢ᠌ᠯᠭ᠋ᠠᠬᠤ᠂ ᠠᠷᠢᠭᠤᠨ ᠴᠢᠭᠡᠴᠢ ᠦᠨᠳᠤᠷ ᠦᠷ᠎ᠡ ᠠᠰᠢᠭᠲᠠᠢ ᠪᠠᠢ᠌ᠬᠤ᠂ ᠬᠠᠤᠯᠢ ᠵᠢ ᠰᠠᠬᠢᠬᠤ ᠢᠳᠡᠭᠡᠮᠵᠢᠲᠠᠢ ᠪᠠᠢ᠌ᠬᠤ ᠬᠠᠤᠯᠢ᠎ᠪᠠᠷ ᠵᠠᠰᠠᠭᠰᠠᠨ ᠶᠠᠰᠤ ᠴᠢᠨᠠᠷ᠎ᠤᠨ ᠬᠢᠨᠠᠯᠳᠠ ᠬᠠᠮᠢᠶᠠᠷᠤᠯᠳᠠ ᠪᠤᠯ ᠬᠤᠢ᠌ᠰᠢᠳᠠ ᠵᠢᠨ ᠨᠢᠭᠡᠨ ᠬᠤᠭᠤᠴᠠᠭ᠋ᠠᠨ᠎ᠤ ᠭᠤᠤᠯ ᠡᠭᠦᠷᠭᠡ ᠪᠤᠯᠬᠤᠷ ᠡᠷᠬᠡᠪᠰᠢ ᠰᠤᠯᠠᠷᠠᠰᠢ ᠦᠬᠡᠢ ᠬᠦᠨᠵᠡᠭᠡᠢ ᠠᠬᠢᠭᠤᠯᠬᠤ ᠬᠡᠷᠡᠭᠲᠠᠢ᠃ ᠬᠠᠤᠯᠢ ᠬᠡᠷᠡᠭᠵᠢᠭᠦᠯᠬᠦ ᠲᠤᠭᠳᠠᠴᠠ ᠵᠢ ᠲᠠᠰᠤᠷᠠᠯᠳᠠ ᠦᠬᠡᠢ ᠡᠭᠦᠳᠤᠨ ᠰᠢᠨᠡᠴᠢᠯᠡᠵᠦ᠂ ᠬᠠᠤᠯᠢ ᠬᠡᠷᠡᠭᠵᠢᠬᠦᠯᠬᠦ ᠲᠡᠰ ᠳᠠᠷᠠᠭ᠋ᠠᠯᠠᠯ᠎ᠢ ᠳᠡᠭᠦᠯᠳᠡᠷᠵᠢᠭᠦᠯᠵᠦ᠂ ᠶᠡᠷᠦᠩᠬᠡᠢ᠌ᠯᠡᠨ ᠬᠠᠤᠯᠢ ᠬᠡᠷᠡᠭᠵᠢᠭᠦᠯᠬᠦ ᠵᠢ ᠠᠬᠢᠭᠤᠯᠵᠦ᠂ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠵᠢ ᠴᠢᠩᠭ᠋ᠠᠷᠠᠭᠤᠯᠵᠦ᠂ ᠬᠠᠤᠯᠢ᠎ᠪᠠᠷ ᠵᠠᠰᠠᠬᠤ ᠠᠵᠢᠯ᠎ᠢ ᠪᠦᠬᠦ ᠲᠠᠯᠠᠴᠢᠯᠠᠬᠤ᠂ ᠪᠦᠬᠦ ᠲᠠᠯ᠎ᠠ ᠵᠢᠨ ᠠᠵᠢᠯ᠎ᠢ ᠬᠠᠤᠯᠢ᠎ᠪᠠᠷ ᠵᠠᠰᠠᠴᠢᠯᠠᠬᠤ ᠵᠢ ᠲᠦᠷᠭᠡᠨ ᠪᠡᠶᠡᠯᠡᠭᠦᠯᠬᠦ ᠬᠡᠷᠡᠭᠲᠠᠢ᠃ ᠨᠢᠭᠡ᠎ᠳᠤ ᠬᠠᠤᠯᠢ᠎ᠪᠠᠷ ᠵᠠᠰᠠᠬᠤ ᠰᠡᠳᠬᠢᠬᠦᠢ ᠪᠠ ᠬᠠᠤᠯᠢ᠎ᠪᠠᠷ ᠵᠠᠰᠠᠬᠤ ᠠᠷᠭ᠎ᠠ ᠵᠢ ᠴᠢᠳᠠᠮᠠᠭ᠋ᠠᠢ᠎ᠪᠠᠷ ᠬᠡᠷᠡᠭᠯᠡᠨ ᠠᠵᠢᠯ ᠵᠶ᠋ᠡᠨ ᠦᠷᠨᠢᠭᠦᠯᠬᠦ ᠬᠡᠷᠡᠭᠲᠠᠢ᠃ ᠦᠷᠭᠡᠨ ᠤᠯᠠᠨ ᠺᠠᠳ᠋ᠷ ᠠᠵᠢᠯᠳᠠᠳ ᠬᠠᠤᠯᠢ᠎ᠪᠠᠷ ᠵᠠᠰᠠᠬᠤ ᠰᠡᠳᠬᠢᠬᠦᠢ ᠪᠠ ᠬᠠᠤᠯᠢ᠎ᠪᠠᠷ ᠵᠠᠰᠠᠬᠤ ᠠᠷᠭ᠎ᠠ ᠵᠢ ᠴᠢᠳᠠᠮᠠᠭ᠋ᠠᠢ᠎ᠪᠠᠷ ᠬᠡᠷᠡᠭᠯᠡᠨ ᠠᠵᠢᠯ ᠵᠶ᠋ᠡᠨ ᠰᠦᠪᠡᠭᠴᠢᠯᠡᠵᠦ᠂ ᠬᠠᠤᠯᠢ᠎ᠪᠠᠷ ᠵᠠᠰᠠᠬᠤ ᠠᠷᠭ᠎ᠠ ᠵᠢ ᠬᠡᠷᠡᠭᠯᠡᠨ ᠵᠦᠷᠢᠴᠡᠯ᠎ᠢ ᠰᠢᠢ᠍ᠳᠪᠤᠷᠢᠯᠡᠵᠦ᠂ ᠦᠬᠡᠷᠡᠴᠢᠯᠡᠯᠳᠡ ᠵᠢ ᠠᠬᠢᠭᠤᠯᠬᠤ ᠬᠡᠷᠡᠭᠲᠠᠢ᠃ ᠡᠯ᠎ᠡ ᠱᠠᠳᠤᠨ᠎ᠤ ᠤᠳᠤᠷᠢᠳᠬᠤ ᠺᠠᠳ᠋ᠷᠴᠤᠳ ᠬᠠᠤᠯᠢ᠎ᠪᠠᠷ ᠵᠠᠰᠠᠬᠤ ᠵᠢ ᠲᠡᠭᠡᠳᠤᠯᠡᠵᠦ᠂ ᠬᠠᠤᠯᠢ᠎ᠪᠠᠷ ᠵᠠᠰᠠᠬᠤ ᠵᠢ ᠰᠠᠬᠢᠵᠦ᠂ ᠡᠷᠬᠡ᠎ᠲᠠᠢ ᠪᠤᠯ ᠬᠠᠷᠢᠭᠤᠴᠠᠯᠭ᠎ᠠ᠎ᠲᠠᠢ᠂ ᠡᠷᠬᠡ ᠵᠢ ᠬᠡᠷᠡᠭᠯᠡᠪᠡᠯ ᠬᠢᠨᠠᠯᠳᠠ ᠵᠢ ᠬᠦᠯᠢᠶᠡᠬᠦ᠂ ᠡᠷᠬᠡ ᠵᠢ ᠲᠤᠷ᠎ᠠ᠎ᠪᠠᠷ ᠵᠶ᠋ᠡᠨ ᠬᠡᠷᠡᠭᠯᠡᠪᠡᠯ ᠬᠠᠷᠢᠭᠤᠴᠠᠯᠭ᠎ᠠ ᠨᠡᠬᠡᠮᠵᠢᠯᠡᠬᠦ ᠶᠤᠰᠤ ᠤᠴᠢᠷ᠎ᠢ ᠤᠢ᠌ᠯᠠᠭ᠋ᠠᠵᠦ᠂ ᠬᠠᠤᠯᠢ᠎ᠠᠴᠠ ᠤᠯᠭᠤᠭᠰᠠᠨ ᠡᠷᠬᠡ᠎ᠪᠠᠨ ᠴᠢᠩᠭ᠎ᠠ ᠬᠡᠷᠡᠭᠵᠢᠭᠦᠯᠵᠦ᠂ ᠵᠦᠢ ᠶᠤᠰᠤᠨ᠎ᠤ ᠲᠡᠰ ᠳᠠᠷᠠᠭ᠋ᠠᠯᠠᠯ᠎ᠢ ᠬᠢᠨᠠᠮᠠᠭ᠋ᠠᠢ ᠰᠠᠬᠢᠵᠦ᠂ ᠡᠷᠬᠡ ᠵᠢ ᠲᠤᠷ᠎ᠠ᠎ᠪᠠᠷ᠎ᠪᠠᠨ ᠬᠡᠷᠡᠭᠯᠡᠬᠦ ᠵᠢ ᠰᠡᠷᠭᠡᠢ᠌ᠯᠡᠬᠦ ᠬᠡᠷᠡᠭᠲᠠᠢ᠃ ᠬᠤᠶᠠᠷ᠎ᠲᠤ ᠬᠠᠤᠯᠢ ᠪᠠᠷ ᠵᠠᠰᠠᠬᠤ ᠵᠢ ᠬᠡᠷᠡᠭᠵᠢᠭᠦᠯᠬᠦ ᠦᠨᠳᠤᠷ ᠪᠦᠳᠤᠮᠵᠢᠲᠠᠢ ᠰᠢᠰᠲᠸᠮ᠎ᠢ ᠪᠠᠢ᠌ᠭᠤᠯᠬᠤ ᠬᠡᠷᠡᠭᠲᠠᠢ᠃ ᠬᠦᠨᠳᠤ ᠴᠢᠬᠤᠯᠠ ᠰᠢᠢ᠍ᠳᠪᠤᠷᠢᠳᠤ ᠪᠤᠳᠤᠯᠭ᠎ᠠ ᠵᠢᠨ ᠬᠠᠤᠯᠢ᠎ᠳᠤ ᠴᠢᠨᠠᠷ᠎ᠢ ᠬᠢᠨᠠᠨ ᠪᠠᠢ᠌ᠴᠠᠭ᠋ᠠᠬᠤ ᠲᠦᠷᠢᠮ᠎ᠢ ᠰᠤᠳᠤᠯᠤᠨ ᠪᠠᠢ᠌ᠭᠤᠯᠤᠨ ᠳᠡᠭᠦᠯᠳᠡᠷᠵᠢᠭᠦᠯᠵᠦ᠂ ᠵᠦᠪᠰᠢᠶᠡᠷᠡᠭᠦᠯᠦᠭᠰᠡᠨ ᠦᠬᠡᠢ ᠪᠤᠶᠤ ᠬᠢᠨᠠᠨ ᠪᠠᠢ᠌ᠴᠠᠭ᠋ᠠᠭ᠋ᠠᠳ ᠬᠠᠤᠯᠢ᠎ᠳᠤ ᠨᠡᠢ᠌ᠴᠡᠭᠰᠡᠨ ᠦᠬᠡᠢ ᠵᠦᠢ᠍ᠯ᠎ᠢ ᠶᠠᠷᠢᠯᠴᠠᠭᠤᠯᠬᠤ᠎ᠪᠠᠷ ᠳᠡᠪᠰᠢᠬᠦᠯᠬᠦ ᠪᠤᠶᠤ ᠲᠠᠷᠤᠮᠠᠯᠯᠠᠨ ᠲᠠᠷᠬᠠᠭ᠋ᠠᠵᠦ ᠬᠡᠷᠭᠵᠢᠭᠦᠯᠵᠦ ᠪᠤᠯᠬᠤ ᠦᠬᠡᠢ᠃ ᠡᠷᠬᠡ ᠵᠢᠨ ᠨᠠᠷᠢᠨ ᠳᠠᠩᠰᠠ ᠵᠢᠨ ᠲᠦᠷᠢᠮ᠎ᠢ ᠬᠡᠷᠡᠭᠵᠢᠭᠦᠯᠵᠦ᠂ ᠬᠠᠤᠯᠢ ᠴᠠᠭ᠋ᠠᠵᠠ ᠬᠠᠤᠯᠢ ᠲᠤᠭᠳᠠᠭ᠋ᠠᠯ᠎ᠤᠨ ᠲᠤᠭᠳᠠᠭ᠋ᠠᠯ᠎ᠠᠴᠠ ᠳᠠᠪᠠᠭᠰᠠᠨ ᠡᠷᠬᠡ ᠵᠢ ᠡᠷᠡᠰ ᠬᠠᠰᠤᠵᠦ᠂ ᠡᠷᠬᠡ ᠵᠢᠨ ᠨᠠᠷᠢᠨ ᠳᠠᠩᠰᠠ᠎ᠠᠴᠠ ᠭᠠᠳᠠᠨᠠᠬᠢ ᠡᠷᠬᠡ ᠵᠢ ᠴᠦᠮ ᠬᠡᠷᠡᠭᠵᠢᠭᠦᠯᠵᠦ ᠪᠤᠯᠬᠤ ᠦᠬᠡᠢ᠃ ᠤᠷᠤᠨ᠎ᠤ ᠲᠤᠪᠴᠢᠶ᠎ᠠ ᠡᠨᠡ ᠵᠢᠯ᠎ᠠᠴᠠ ᠡᠬᠢᠯᠡᠨ ᠵᠠᠰᠠᠭ ᠵᠠᠬᠢᠷᠭ᠋ᠠᠨ᠎ᠤ ᠡᠷᠬᠡ ᠵᠢ ᠶᠡᠬᠡᠪᠡᠷ ᠬᠠᠰᠤᠵᠦ᠂ 2017 ᠤᠨ ᠪᠤᠯᠬᠤ᠎ᠳᠤ᠂ ᠵᠠᠰᠠᠭ ᠵᠠᠬᠢᠷᠭ᠋ᠠᠨ᠎ᠤ ᠡᠷᠬᠡ ᠵᠢᠨ ᠲᠤᠭ᠎ᠠ ᠵᠢ ᠬᠠᠭ᠋ᠠᠰ᠎ᠠᠴᠠ ᠳᠡᠭᠡᠭᠰᠢ ᠬᠠᠰᠤᠵᠦ ᠴᠦᠬᠡᠳᠬᠡᠨ᠎ᠡ᠃ ᠭᠤᠷᠪᠠ᠎ᠳᠤ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠯ᠎ᠢ ᠤᠯᠠᠮ ᠨᠢᠬᠡ ᠠᠯᠬᠤᠮ ᠴᠡᠭᠴᠡᠯᠡᠬᠦ᠂ ᠴᠦᠬᠡᠳᠭᠡᠬᠦ ᠪᠠ ᠵᠢᠷᠤᠮᠵᠢᠭᠤᠯᠬᠤ ᠬᠡᠷᠡᠭᠲᠠᠢ᠃ ᠤᠷᠤᠨ᠎ᠤ ᠲᠤᠪᠴᠢᠶ᠎ᠠ ᠲᠦᠷᠦᠬᠦᠯᠦᠨ ᠵᠠᠰᠠᠭ᠎ᠢ ᠴᠤᠮᠬᠠᠳᠬᠠᠵᠦ ᠡᠷᠬᠡ ᠵᠢ ᠪᠠᠭᠤᠯᠭ᠋ᠠᠵᠦ᠂ ᠬᠠᠤᠯᠢ ᠵᠢᠨ ᠲᠤᠭᠳᠠᠭ᠋ᠠᠯ ᠵᠶ᠋ᠡᠷ ᠤᠷᠤᠨ᠎ᠤ ᠲᠤᠪᠴᠢᠶ᠎ᠠ ᠵᠢᠨ ᠡᠭᠦᠷᠬᠡᠯᠡᠬᠦ ᠬᠡᠷᠡᠭ ᠶᠠᠪᠤᠳᠠᠯ᠎ᠢ ᠭᠠᠷᠭ᠋ᠠᠪᠠᠯ᠂ ᠭᠤᠷᠪᠠᠨ ᠵᠢᠯ᠎ᠤᠨ ᠳᠤᠳᠤᠷ᠎ᠠ ᠪᠠᠭᠤᠯᠭ᠋ᠠᠵᠦ ᠪᠤᠯᠬᠤ ᠵᠢ᠎ᠨᠢ ᠪᠦᠬᠦᠨ᠎ᠢ ᠳᠤᠷᠤᠭᠰᠢ ᠪᠠᠭᠤᠯᠭ᠋ᠠᠨ᠎ᠠ᠃ ᠦᠯᠡᠳᠡᠭᠡᠬᠦ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠯ᠎ᠤᠨ ᠲᠦᠷᠦᠯ ᠵᠦᠢ᠍ᠯ᠎ᠳᠤ ᠬᠤᠯᠪᠤᠭᠳᠠᠬᠤ ᠬᠢᠨᠠᠨ ᠵᠦᠪᠰᠢᠶᠡᠷᠡᠬᠦ ᠵᠠᠩᠬᠢᠯᠠᠭ᠎ᠠ ᠪᠤᠯᠤᠨ ᠤᠷᠢᠳᠠᠴᠢ ᠨᠦᠬᠦᠴᠡᠯ᠎ᠨᠢ ᠬᠠᠤᠯᠢ ᠵᠢᠨ ᠡᠰᠢ ᠪᠠᠷᠢᠮᠳᠠ ᠦᠬᠡᠢ ᠪᠤᠯ ᠴᠦᠮ ᠬᠦᠴᠤᠨ ᠦᠬᠡᠢ ᠪᠤᠯᠭ᠋ᠠᠨ᠎ᠠ᠃ 《ᠬᠢᠨᠠᠨ ᠵᠦᠪᠰᠢᠶᠡᠷᠡᠯ ᠤᠯᠠᠨ ᠪᠠᠢ᠌ᠬᠤ》 ᠵᠢ ᠰᠢᠢ᠍ᠳᠪᠤᠷᠢᠯᠡᠬᠦ ᠰᠠᠭᠤᠷᠢᠨ ᠳᠡᠭᠡᠷ᠎ᠡ᠂ 《ᠬᠢᠨᠠᠨ ᠵᠦᠪᠰᠢᠶᠡᠷᠡᠭᠦᠯᠬᠦ᠎ᠳᠤ ᠪᠡᠷᠬᠡ᠎ᠲᠠᠢ ᠪᠠᠢ᠌ᠬᠤ》 ᠵᠢ ᠭᠠᠷᠳᠠᠨ ᠵᠠᠰᠠᠬᠤ ᠬᠡᠷᠡᠭᠲᠠᠢ᠃ ᠡᠯ᠎ᠡ ᠱᠠᠳᠤᠨ᠎ᠤ ᠶᠠᠰᠤ ᠴᠢᠨᠠᠷ᠎ᠤᠨ ᠬᠢᠨᠠᠯᠳᠠ ᠬᠠᠮᠢᠶᠠᠷᠤᠯᠳᠠ ᠵᠢᠨ ᠰᠠᠯᠠᠭ᠎ᠠ ᠮᠦᠴᠢᠷ᠎ᠤᠳ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠡᠯ᠎ᠡ ᠵᠦᠢ᠍ᠯ᠎ᠤᠨ ᠲᠦᠷᠢᠮ᠎ᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠦ᠂ 《ᠨᠢᠭᠡ ᠴᠤᠩᠬᠤ》 ᠪᠠᠢ᠌ᠭᠤᠯᠤᠨ᠂ ᠰᠦᠯᠵᠢᠶ᠎ᠡ ᠳᠡᠭᠡᠷ᠎ᠡ ᠬᠢᠨᠠᠨ ᠵᠦᠪᠰᠢᠶᠡᠷᠡᠬᠦ ᠵᠢ ᠲᠦᠷᠭᠡᠨ ᠠᠬᠢᠭᠤᠯᠵᠦ᠂ ᠢᠯᠡ ᠭᠦᠢ᠍ᠴᠡᠳᠭᠡᠬᠦ ᠵᠢ ᠬᠡᠷᠡᠭᠵᠢᠬᠦᠯᠵᠦ᠂ ᠪᠦᠬᠦᠢ᠌ᠯᠡ ᠬᠢᠨᠠᠨ ᠵᠦᠪᠰᠢᠶᠡᠷᠡᠯ᠎ᠤᠨ ᠬᠦᠯᠢᠶᠡᠨ ᠠᠪᠬᠤ᠂ ᠠᠬᠢᠴᠠ᠂ ᠦᠷ᠎ᠡ ᠳ᠋ᠦᠩ ᠵᠡᠷᠬᠡ ᠵᠢᠨ ᠮᠠᠳᠠᠭᠡ ᠵᠠᠩᠬᠢ ᠵᠢ ᠴᠦᠮ ᠢᠯᠡ ᠪᠤᠯᠭ᠋ᠠᠬᠤ ᠬᠡᠷᠡᠭᠲᠠᠢ᠃ ᠲᠦᠷᠪᠡ᠎ᠳᠤ ᠳᠤᠳᠤᠭ᠋ᠠᠳᠤ᠎ᠳᠠᠭᠠᠨ ᠬᠢᠨᠠᠯᠳᠠ ᠳᠠᠯᠪᠢᠬᠤ ᠲᠤᠭᠳᠠᠴᠠ ᠵᠢ ᠴᠢᠩᠭ᠋ᠠᠷᠠᠭᠤᠯᠬᠤ ᠬᠡᠷᠡᠭᠲᠠᠢ᠃ ᠭᠤᠶᠤᠴᠢᠯᠠᠭᠴᠢᠳ᠎ᠤᠨ ᠦᠨᠡᠯᠡᠬᠦ ᠲᠦᠷᠢᠮ᠎ᠢ ᠪᠠᠢ᠌ᠭᠤᠯᠵᠦ᠂ ᠨᠡᠢ᠌ᠭᠡᠮ ᠨᠡᠢ᠌ᠳᠡ ᠵᠢᠨ ᠬᠢᠨᠠᠯᠳᠠ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠠᠢ᠃ ᠡᠯ᠎ᠡ ᠱᠠᠳᠤᠨ᠎ᠤ ᠬᠠᠤᠯᠢ ᠬᠡᠷᠡᠭᠵᠢᠬᠦᠯᠬᠦ ᠪᠠᠢ᠌ᠭᠤᠯᠤᠮᠵᠢ᠎ᠨᠤᠭᠤᠳ ᠲᠦᠪ ᠭᠤᠤᠯᠴᠢ ᠪᠤᠯᠪᠠᠰᠤᠨ ᠵᠶ᠋ᠡᠷ ᠬᠠᠤᠯᠢ ᠬᠡᠷᠡᠭᠵᠢᠭᠦᠯᠬᠦ ᠵᠢ ᠴᠢᠩᠭ᠎ᠠ ᠵᠢᠷᠤᠮᠵᠢᠭᠤᠯᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠡᠰ ᠳᠠᠷᠠᠭ᠋ᠠᠯᠠᠯ᠎ᠢ ᠴᠢᠩᠭ᠎ᠠ ᠲᠦᠷᠢᠮᠵᠢᠭᠦᠯᠵᠦ᠂ ᠭᠤᠤᠯᠳᠠᠯᠭ᠎ᠠ᠎ᠲᠠᠢ ᠬᠦᠷᠢᠶᠡᠨ᠎ᠳᠤ ᠬᠠᠤᠯᠢ ᠬᠡᠷᠡᠭᠵᠢᠭᠦᠯᠬᠦ ᠡᠷᠴᠢᠮ᠎ᠢ ᠴᠢᠩᠭ᠋ᠠᠷᠠᠭᠤᠯᠬᠤ ᠬᠡᠷᠡᠭᠲᠠᠢ᠂ ᠨᠠᠷᠢᠨ ᠨᠢᠭᠳᠠ ᠬᠠᠤᠯᠢ᠎ᠪᠠᠷ ᠵᠠᠰᠠᠬᠤ ᠬᠢᠨᠠᠯᠳᠠ ᠬᠠᠮᠢᠶᠠᠷᠤᠯᠳᠠ ᠵᠢᠨ ᠰᠢᠰᠲᠸᠮ᠎ᠢ ᠪᠠᠢ᠌ᠭᠤᠯᠤᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠲᠦᠷᠢᠮ᠎ᠢ ᠳᠡᠭᠦᠯᠳᠡᠷᠵᠢᠭᠦᠯᠦᠨ ᠨᠠᠷᠢᠯᠢᠭᠵᠢᠭᠤᠯᠵᠦ᠂ ᠬᠠᠤᠯᠢ᠎ᠠᠴᠠ ᠵᠦᠷᠢᠴᠡᠨ ᠵᠠᠰᠠᠭ ᠶᠠᠪᠤᠭᠤᠯᠤᠭᠰᠠᠨ ᠬᠠᠷᠢᠭᠤᠴᠠᠯᠭ᠎ᠠ ᠵᠢ ᠴᠢᠩᠭ᠎ᠠ ᠨᠡᠭᠡᠮᠵᠢᠯᠡᠬᠦ ᠬᠡᠷᠡᠭᠲᠠᠢ᠃
[ᠬᠦᠳᠤᠯᠦᠭᠴᠢ] ᠳᠡᠭᠡᠪᠡᠯ 2015 ᠤᠨ᠎ᠳᠤ ᠶᠠᠭ᠋ᠠᠬᠢᠬᠤ ᠪᠤᠳᠤᠯ᠎ᠲᠠᠢ ᠪᠠᠢ᠌ᠨ᠎ᠠ ᠪᠤᠢ?
[ᠭᠤᠤ ᠢᠩ ᠵᠢᠶᠸ] (ᠨᠢᠭᠡ) ᠶᠠᠰᠤ ᠴᠢᠨᠠᠷ᠎ᠤᠨ ᠭᠤᠤᠯ ᠰᠡᠳᠤᠪ᠎ᠢ ᠲᠤᠪᠤᠢ᠌ᠯᠭ᠋ᠠᠨ᠎ᠠ᠃
ᠨᠢᠭᠡ᠎ᠳᠤ᠂ ᠶᠠᠰᠤ ᠴᠢᠨᠠᠷ ᠵᠶ᠋ᠡᠷ ᠤᠷᠤᠨ ᠵᠶ᠋ᠡᠨ ᠬᠦᠴᠤᠷᠭᠡᠭᠵᠢᠭᠦᠯᠬᠦ ᠪᠠᠢ᠌ᠯᠳᠤᠬᠤ ᠪᠤᠳᠤᠯᠭ᠎ᠠ ᠵᠢ ᠢᠳᠡᠪᠬᠢᠲᠠᠢ ᠬᠡᠷᠡᠭᠵᠢᠬᠦᠯᠦᠨ᠎ᠠ᠃ ᠳᠤᠮᠳᠠᠳᠤ ᠤᠯᠤᠰ᠎ᠤᠨ ᠶᠠᠰᠤ ᠴᠢᠨᠠᠷ᠎ᠤᠨ ᠠᠵᠢᠯ᠎ᠤᠨ ᠶᠡᠬᠡ ᠬᠤᠷᠠᠯ᠎ᠤᠨ ᠵᠤᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠵᠦ᠂ ᠶᠠᠰᠤ ᠴᠢᠨᠠᠷ᠎ᠤᠨ ᠬᠤᠷᠸ᠎ᠠ ᠬᠠᠮᠢᠶᠠᠷᠤᠯᠳᠠ ᠵᠢ ᠪᠦᠬᠦ ᠲᠠᠯ᠎ᠠ᠎ᠪᠠᠷ ᠴᠢᠩᠭ᠋ᠠᠳᠬᠠᠨ᠎ᠠ; ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ ᠠᠴᠠ 《ᠶᠠᠰᠤ ᠴᠢᠨᠠᠷ ᠵᠶ᠋ᠡᠷ ᠤᠷᠤᠨ ᠵᠶ᠋ᠡᠨ ᠬᠦᠴᠤᠷᠭᠡᠭᠵᠢᠭᠦᠯᠬᠦ ᠪᠠᠢ᠌ᠯᠳᠤᠬᠤ ᠪᠤᠳᠤᠯᠭ᠎ᠠ ᠵᠢ ᠬᠡᠷᠡᠭᠵᠢᠭᠦᠯᠬᠦ ᠰᠠᠨᠠᠯ》᠎ᠢ ᠲᠤᠭᠳᠠᠭ᠋ᠠᠨ ᠨᠡᠢ᠌ᠳᠡᠯᠡᠬᠦ ᠵᠢ ᠲᠦᠷᠭᠡᠳᠬᠡᠵᠦ᠂ ᠶᠠᠰᠤ ᠴᠢᠨᠠᠷ ᠵᠶ᠋ᠡᠷ ᠤᠷᠤᠨ ᠵᠶ᠋ᠡᠨ ᠬᠦᠴᠤᠷᠭᠡᠭᠵᠢᠭᠦᠯᠬᠦ ᠬᠠᠷᠠᠯᠳᠠ ᠵᠢ ᠲᠤᠭᠳᠠᠭ᠋ᠠᠵᠦ᠂ ᠶᠠᠰᠤ ᠴᠢᠨᠠᠷ ᠵᠶ᠋ᠡᠷ ᠤᠷᠤᠨ ᠵᠶ᠋ᠡᠨ ᠬᠦᠴᠤᠷᠭᠡᠭᠵᠢᠭᠦᠯᠬᠦ ᠠᠷᠭ᠎ᠠ ᠵᠢ ᠲᠤᠭᠳᠠᠭ᠋ᠠᠵᠦ᠂ ᠶᠠᠰᠤ ᠴᠢᠨᠠᠷ ᠵᠶ᠋ᠡᠷ ᠤᠷᠤᠨ ᠵᠶ᠋ᠡᠨ ᠬᠦᠴᠤᠷᠭᠡᠭᠵᠢᠭᠦᠯᠬᠦ ᠭᠤᠤᠯᠳᠠᠭ᠎ᠠ ᠵᠢ ᠲᠤᠳᠤᠷᠬᠠᠢ᠌ᠯᠠᠵᠦ᠂ ᠶᠠᠰᠤ ᠴᠢᠨᠠᠷ ᠵᠶ᠋ᠡᠷ ᠤᠷᠤᠨ ᠵᠶ᠋ᠡᠨ ᠬᠦᠴᠤᠷᠭᠡᠭᠵᠢᠭᠦᠯᠬᠦ ᠬᠠᠷᠢᠭᠤᠴᠠᠯᠭ᠎ᠠ ᠵᠢ ᠨᠠᠷᠢᠯᠢᠭᠵᠢᠭᠤᠯᠵᠦ᠂ ᠦᠪᠤᠷ ᠮᠤᠩᠭᠤᠯ᠎ᠤᠨ ᠠᠵᠦ ᠠᠬᠤᠢ ᠵᠢᠨ ᠶᠠᠰᠤ ᠴᠢᠨᠠᠷ᠎ᠢ ᠪᠦᠬᠦᠯᠢ ᠴᠤᠭᠴᠠ᠎ᠪᠠᠷ᠎ᠨᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠦᠨ᠎ᠡ; ᠤᠷᠤᠨ᠎ᠤ ᠲᠤᠪᠴᠢᠶ᠎ᠠ ᠵᠢᠨ ᠶᠠᠰᠤ ᠴᠢᠨᠠᠷ ᠵᠶ᠋ᠡᠷ ᠤᠷᠤᠨ ᠵᠶ᠋ᠡᠨ ᠬᠦᠴᠤᠷᠭᠡᠭᠵᠢᠭᠦᠯᠬᠦ ᠠᠵᠢᠯ᠎ᠤᠨ ᠲᠤᠯᠤᠭ᠋ᠠᠢ᠌ᠯᠠᠭᠴᠢ ᠨᠢᠭᠡᠴᠡ ᠵᠢᠨ ᠦᠢ᠍ᠯᠡᠳᠤᠯ᠎ᠢ᠎ᠨᠢ ᠰᠠᠨᠠᠭ᠋ᠠᠴᠢᠯᠠᠭ᠎ᠠ᠎ᠠᠴᠠ᠎ᠪᠠᠨ ᠪᠠᠳᠠᠷᠠᠭᠤᠯᠵᠦ᠂ ᠪᠦᠬᠦ ᠤᠷᠤᠨ᠎ᠤ ᠶᠠᠰᠤ ᠴᠢᠨᠠᠷ᠎ᠤᠨ ᠠᠵᠢᠯ᠎ᠢ ᠨᠢᠭᠡᠳᠤᠯᠲᠡᠢ ᠲᠤᠬᠢᠷᠠᠭᠤᠯᠬᠤ ᠪᠠ ᠵᠤᠬᠢᠶᠠᠨ ᠪᠠᠢ᠌ᠭᠤᠯᠤᠨ ᠵᠤᠬᠢᠴᠠᠭᠤᠯᠬᠤ ᠵᠢ ᠴᠢᠩᠭ᠋ᠠᠳᠬᠠᠵᠦ᠂ ᠶᠠᠰᠤ ᠴᠢᠨᠠᠷ᠎ᠤᠨ ᠬᠤᠯᠪᠤᠭ᠋ᠠᠳᠤ ᠬᠤᠷᠠᠯᠳᠤᠭ᠋ᠠᠨ᠎ᠤ ᠲᠦᠷᠢᠮ ᠵᠶ᠋ᠡᠷ ᠬᠤᠯᠪᠤᠭ᠋ᠠᠰᠤ ᠪᠤᠯᠭ᠋ᠠᠵᠦ᠂ ᠡᠯ᠎ᠡ ᠡᠷᠬᠡ ᠴᠢᠳᠠᠪᠤᠷᠢ᠎ᠳᠤ ᠰᠠᠯᠠᠭ᠎ᠠ ᠮᠦᠴᠢᠷ᠎ᠤᠨ ᠦᠢ᠍ᠯᠡᠳᠤᠯ᠎ᠢ ᠶᠡᠬᠡ᠎ᠪᠠᠷ ᠪᠠᠳᠠᠷᠠᠭᠤᠯᠵᠦ᠂ ᠶᠠᠰᠤ ᠴᠢᠨᠠᠷ ᠵᠶ᠋ᠡᠷ ᠤᠷᠤᠨ ᠵᠶ᠋ᠡᠨ ᠬᠦᠴᠤᠷᠭᠡᠭᠵᠢᠭᠦᠯᠬᠦ ᠨᠡᠢ᠌ᠯᠡᠮᠡᠯ ᠬᠦᠴᠤᠨ᠎ᠢ ᠪᠦᠷᠢᠯᠳᠤᠭᠦᠯᠦᠨ᠎ᠡ᠃ ᠬᠤᠶᠡᠷ᠎ᠲᠤ ᠨᠡᠷᠡᠳᠤ ᠳᠡᠮᠳᠡᠭ᠎ᠢ ᠪᠤᠢ᠌ᠵᠢᠭᠤᠯᠬᠤ ᠪᠠ ᠲᠡᠰ ᠦᠰᠭᠡᠬᠦ ᠢᠨᠵᠸᠨ᠋ᠸᠷᠢᠩ᠎ᠢ ᠶᠡᠬᠡᠪᠡᠷ ᠬᠡᠷᠡᠭᠵᠢᠭᠦᠯᠦᠨ᠎ᠡ᠃ ᠦᠪᠡᠷᠳᠡᠭᠡᠨ ᠵᠠᠰᠠᠬᠤ ᠤᠷᠤᠨ᠎ᠤ ᠲᠡᠷᠢᠭᠦᠯᠡᠭᠴᠢ ᠵᠢᠨ ᠶᠠᠰᠤ ᠴᠢᠨᠠᠷ᠎ᠤᠨ ᠱᠠᠩᠨᠠᠯ ᠪᠤᠯᠤᠨ ᠦᠪᠤᠷ ᠮᠤᠩᠭᠤᠯ᠎ᠤᠨ ᠨᠡᠷᠡᠳᠤ ᠲᠡᠮᠳᠡᠭ᠎ᠢ ᠬᠢᠨᠠᠨ ᠲᠤᠭᠳᠠᠭ᠋ᠠᠬᠤ ᠠᠷᠭ᠎ᠠ ᠵᠢ ᠳᠠᠷᠤᠢ᠌ᠬᠠᠨ ᠵᠤᠬᠢᠶᠠᠨ ᠪᠠᠢ᠌ᠭᠤᠯᠤᠨ ᠵᠠᠰᠠᠨ ᠳᠡᠭᠦᠯᠳᠡᠷᠵᠢᠭᠦᠯᠵᠦ᠂ ᠱᠠᠩᠨᠠᠬᠤ ᠬᠡᠪᠴᠢᠶ᠎ᠡ ᠵᠢ ᠢᠳᠡᠭ ᠢᠳᠡᠭ ᠵᠶ᠋ᠡᠷ ᠦᠷᠭᠡᠳᠭᠡᠵᠦ᠂ ᠲᠡᠷᠢᠭᠦᠯᠡᠭᠴᠢ ᠵᠢᠨ ᠱᠠᠩᠨᠠᠯ᠎ᠤᠨ 《ᠠᠯᠳᠠ ᠵᠢᠨ ᠠᠭᠤᠯᠠᠭᠳᠠᠴᠠ》 ᠪᠠ ᠦᠪᠤᠷ ᠮᠤᠩᠭᠤᠯ᠎ᠤᠨ ᠨᠡᠷᠡᠳᠤ ᠳᠡᠮᠳᠡᠭᠳᠤ ᠵᠢᠨ ᠠᠯᠳᠠᠷ᠎ᠢ ᠨᠡᠮᠡᠭᠳᠡᠭᠦᠯᠵᠦ᠂ ᠪᠦᠬᠦ ᠤᠷᠤᠨ᠎ᠤ ᠡᠯ᠎ᠡ ᠲᠦᠷᠦᠯ᠎ᠤᠨ ᠠᠵᠦ ᠠᠬᠤᠢ᠌ᠯᠠᠯ᠎ᠤᠨ ᠶᠠᠰᠤ ᠴᠢᠨᠠᠷ᠎ᠢ ᠳᠡᠭᠡᠭᠰᠢᠯᠡᠬᠦᠯᠬᠦ᠂ ᠦᠪᠡᠷ᠎ᠤᠨ ᠨᠡᠷᠡᠳᠤ ᠳᠡᠮᠳᠡᠭ᠎ᠢ ᠡᠭᠦᠳᠬᠦ ᠢᠳᠡᠪᠬᠢᠵᠢᠯ᠎ᠢ᠎ᠨᠢ ᠲᠠᠢ᠌ᠴᠢᠯᠠᠨᠡ; ᠪᠦᠬᠦ ᠤᠯᠤᠰ᠎ᠤᠨ ᠠᠯᠳᠠᠷᠳᠤ ᠳᠡᠮᠳᠡᠭ᠎ᠤᠨ ᠵᠢᠱ᠌ᠢᠶ᠎ᠡ ᠦᠵᠡᠭᠦᠯᠬᠦ ᠤᠷᠤᠨ᠂ ᠶᠠᠰᠤ ᠴᠢᠨᠠᠷ ᠵᠶ᠋ᠡᠷ ᠭᠤᠳᠠᠪᠠᠨ ᠬᠦᠴᠤᠷᠭᠡᠭᠵᠢᠬᠦᠯᠬᠦ ᠵᠢᠱ᠌ᠢᠶ᠎ᠡ ᠦᠵᠡᠭᠦᠯᠬᠦ ᠬᠤᠳᠠ ᠵᠢ ᠪᠠᠢ᠌ᠭᠤᠯᠬᠤ ᠠᠵᠢᠯᠯᠠᠭ᠎ᠠ ᠵᠢ ᠶᠡᠬᠡ᠎ᠪᠠᠷ ᠦᠷᠨᠢᠬᠦᠯᠵᠦ᠂ ᠠᠯᠳᠠᠷᠳᠤ ᠳᠡᠮᠳᠡᠭ᠎ᠤᠨ ᠤᠷᠮᠠᠰᠢᠭᠤᠯᠬᠤ ᠦᠢ᠍ᠯᠡᠳᠤᠯ ᠪᠤᠯᠤᠨ ᠦᠯᠢᠭᠡᠷ ᠳᠠᠭᠤᠷᠢᠶᠠᠯ᠎ᠤᠨ ᠠᠵᠦ ᠠᠬᠤᠢ᠌ᠯᠠᠯ᠎ᠤᠨ ᠳᠠᠭ᠋ᠠᠭᠤᠯᠬᠤ ᠦᠢ᠍ᠯᠡᠳᠤᠯ᠎ᠢ᠎ᠨᠢ ᠢᠳᠡᠪᠬᠢᠲᠠᠢ ᠪᠠᠳᠠᠷᠠᠭᠤᠯᠵᠦ᠂ ᠠᠵᠦ ᠠᠬᠤᠢ᠌ᠯᠠᠯ᠎ᠤᠨ ᠦᠷᠢᠰᠤᠯᠳᠤᠭᠡᠨ᠎ᠤ ᠴᠢᠳᠠᠯ ᠪᠠ ᠶᠠᠰᠤ ᠴᠢᠨᠠᠷ᠎ᠤᠨ ᠶᠡᠷᠦᠩᠬᠡᠢ ᠬᠢᠷᠢ ᠲᠦᠪᠰᠢᠨ᠎ᠤ ᠳᠡᠭᠡᠭᠰᠢᠯᠡᠯᠳᠠ ᠵᠢ ᠠᠬᠢᠭᠤᠯᠤᠨ᠎ᠠ᠃ 2015 ᠤᠨ᠎ᠳᠤ᠂ ᠦᠪᠤᠷ ᠮᠤᠩᠭᠤᠯ᠎ᠤᠨ ᠨᠡᠷᠡᠳᠤ ᠦᠢ᠍ᠯᠡᠳᠬᠦᠨ᠎ᠤ ᠶᠡᠷᠦᠩᠬᠡᠢ ᠲᠤᠭ᠎ᠠ ᠵᠢ 360᠎ᠠᠴᠠ ᠳᠠᠪᠠᠭᠤᠯᠬᠤ᠎ᠪᠠᠷ ᠴᠢᠷᠮᠠᠢ᠌ᠵᠦ᠂ ᠨᠡᠷᠡᠳᠤ ᠳᠡᠮᠳᠡᠭ᠎ᠤᠨ ᠵᠢᠱ᠌ᠢᠶ᠎ᠡ ᠦᠵᠡᠭᠦᠯᠬᠦ ᠭᠠᠵᠠᠷ ᠤᠷᠤᠨ᠎ᠢ 6 ᠵᠢ ᠡᠭᠦᠳᠤᠨ ᠪᠠᠢ᠌ᠭᠤᠯᠵᠦ᠂ 1-2 ᠨᠡᠷᠡᠳᠤ ᠳᠡᠮᠳᠡᠭ᠎ᠢ ᠭᠤᠤᠯᠳᠠᠯᠭ᠎ᠠ᠎ᠲᠠᠢ ᠪᠤᠢ᠌ᠵᠢᠭᠤᠯᠵᠦ ᠪᠦᠬᠦ ᠤᠯᠤᠰ᠎ᠤᠨ ᠠᠯᠳᠠᠷᠳᠤ ᠳᠡᠮᠳᠡᠭᠳᠤ ᠵᠢᠨ ᠡᠩᠨᠡᠭᠡᠨ᠎ᠳᠤ ᠤᠷᠤᠭᠤᠯᠤᠨ᠎ᠠ᠃ ᠭᠤᠷᠪᠠ᠎ᠳᠤ ᠵᠠᠰᠠᠭ᠎ᠤᠨ ᠤᠷᠳᠤᠨ᠎ᠤ ᠶᠠᠰᠤ ᠴᠢᠨᠠᠷ᠎ᠤᠨ ᠠᠵᠢᠯ᠎ᠢ ᠬᠢᠨᠠᠨ ᠰᠢᠯᠭ᠋ᠠᠬᠤ ᠵᠢ ᠯᠠᠪᠳᠠᠭᠤᠨ ᠰᠠᠢ᠌ᠨ ᠠᠳᠬᠤᠨ᠎ᠠ᠃ ᠬᠡᠷᠡᠭᠵᠢᠬᠦᠯᠬᠦ ᠲᠦᠰᠦᠯ᠎ᠢ ᠰᠢᠵᠢᠯᠡᠬᠦ ᠤᠬᠠᠭ᠋ᠠᠨᠴᠢ᠎ᠪᠠᠷ ᠲᠤᠭᠳᠠᠭ᠋ᠠᠵᠦ᠂ ᠠᠢ᠌ᠮᠠᠭ ᠬᠤᠳᠠ ᠵᠢᠨ ᠵᠠᠰᠠᠭ᠎ᠤᠨ ᠤᠷᠳᠤᠨ᠎ᠤ ᠶᠠᠰᠤ ᠴᠢᠨᠠᠷ᠎ᠤᠨ ᠠᠵᠢᠯ᠎ᠤᠨ ᠬᠢᠨᠠᠨ ᠰᠢᠯᠭ᠋ᠠᠬᠤ ᠨᠠᠷᠢᠨ ᠲᠦᠷᠢᠮ᠎ᠢ ᠨᠠᠷᠢᠨ ᠨᠢᠮᠪᠠᠢ ᠲᠤᠭᠳᠠᠭ᠋ᠠᠵᠦ᠂ ᠬᠢᠨᠠᠨ ᠰᠢᠯᠭ᠋ᠠᠬᠤ ᠲᠡᠰ ᠳᠠᠷᠠᠭ᠋ᠠᠯᠠᠯ᠎ᠢ ᠵᠢᠷᠤᠮᠵᠢᠭᠤᠯᠵᠦ᠂ ᠨᠠᠷᠢᠨ ᠨᠢᠭᠳᠠ ᠵᠤᠬᠢᠶᠠᠨ ᠪᠠᠢ᠌ᠭᠤᠯᠤᠨ ᠬᠡᠷᠡᠭᠵᠢᠭᠦᠯᠦᠨ᠎ᠡ; ᠦᠨᠡᠨ᠎ᠢ ᠪᠠᠷᠢᠮᠳᠠᠯᠠᠬᠤ᠂ ᠲᠦᠪ ᠭᠤᠤᠯᠴᠢ ᠪᠠᠢ᠌ᠬᠤ ᠵᠠᠷᠴᠢᠮ ᠵᠶ᠋ᠡᠷ ᠬᠢᠨᠠᠨ ᠰᠢᠯᠭ᠋ᠠᠭᠰᠠᠨ ᠦᠷ᠎ᠡ ᠳ᠋ᠦᠩ᠎ᠢ ᠴᠠᠭ ᠳᠠᠷᠤᠢ᠎ᠳᠤ᠎ᠨᠢ ᠨᠡᠢ᠌ᠳᠡᠯᠡᠨ᠎ᠡ᠃ ᠠᠢ᠌ᠮᠠᠭ ᠬᠤᠳᠠ ᠵᠢᠨ ᠶᠠᠰᠤ ᠴᠢᠨᠠᠷ᠎ᠤᠨ ᠠᠵᠢᠯ᠎ᠤᠨ ᠬᠢᠨᠠᠨ ᠰᠢᠯᠭ᠋ᠠᠯᠳᠠ᠎ᠪᠠᠷ ᠠᠵᠠ ᠲᠤᠬᠢᠶᠠᠯ ᠪᠤᠯᠭ᠋ᠠᠵᠦ᠂ ᠬᠤᠰᠢᠭᠤ ᠰᠢᠶᠠᠨ᠎ᠤ ᠵᠠᠰᠠᠭ᠎ᠤᠨ ᠤᠷᠳᠤᠨ᠎ᠤ ᠶᠠᠰᠤ ᠴᠢᠨᠠᠷ᠎ᠤᠨ ᠠᠵᠢᠯ᠎ᠤᠨ ᠬᠢᠨᠠᠨ ᠰᠢᠯᠭ᠋ᠠᠯᠳᠠ ᠵᠢ ᠲᠦᠷᠭᠡᠨ ᠠᠬᠢᠭᠤᠯᠵᠦ᠂ ᠡᠯ᠎ᠡ ᠱᠠᠳᠤᠨ᠎ᠤ ᠵᠠᠰᠠᠭ᠎ᠤᠨ ᠤᠷᠳᠤᠨ᠎ᠤ ᠶᠠᠰᠤ ᠴᠢᠨᠠᠷ᠎ᠤᠨ ᠠᠵᠢᠯ᠎ᠤᠨ ᠡᠷᠴᠢᠮ ᠵᠶ᠋ᠡᠨ ᠴᠢᠩᠭ᠋ᠠᠯᠠᠬᠤ ᠵᠢ᠎ᠨᠢ ᠪᠦᠳᠤᠮᠵᠢᠲᠠᠢ᠎ᠪᠠᠷ ᠠᠬᠢᠭᠤᠯᠵᠦ᠂ ᠶᠠᠰᠤ ᠴᠢᠨᠠᠷ᠎ᠤᠨ ᠬᠦᠭᠵᠢᠯᠳᠡ ᠵᠢ ᠠᠬᠢᠭᠤᠯᠤᠨ᠎ᠠ᠃ ᠲᠦᠷᠪᠠ᠎ᠳᠤ ᠶᠠᠰᠤ ᠴᠢᠨᠠᠷ᠎ᠤᠨ ᠤᠬᠠᠭᠤᠯᠭ᠎ᠠ ᠵᠢᠨ ᠠᠵᠢᠯ᠎ᠢ ᠴᠢᠩᠭ᠋ᠠᠳᠬᠠᠨ᠎ᠠ᠃ ᠭᠤᠤᠯ ᠰᠡᠳᠤᠪᠳᠤ ᠤᠬᠠᠭᠤᠯᠭ᠎ᠠ ᠵᠢᠨ ᠠᠵᠢᠯᠯᠠᠭ᠎ᠠ ᠵᠢ ᠨᠢᠮᠪᠠᠢ ᠵᠤᠬᠢᠶᠠᠨ ᠪᠠᠢ᠌ᠭᠤᠯᠤᠨ᠂ ᠶᠠᠰᠤ ᠴᠢᠨᠠᠷ ᠵᠶ᠋ᠡᠷ ᠤᠷᠤᠨ ᠵᠶ᠋ᠡᠨ ᠬᠦᠴᠦᠷᠬᠡᠭᠵᠢᠭᠦᠯᠬᠦ ᠭᠤᠤᠯ ᠰᠡᠳᠤᠪ᠎ᠢ ᠲᠤᠪᠤᠢ᠌ᠯᠭ᠋ᠠᠵᠦ᠂ ᠵᠠᠰᠠᠭ᠎ᠤᠨ ᠤᠷᠳᠤᠨ ᠶᠠᠰᠤ ᠴᠢᠨᠠᠷ᠎ᠢ ᠬᠦᠨᠳᠤᠳᠭᠡᠨ ᠦᠵᠡᠬᠦ᠂ ᠠᠵᠦ ᠠᠬᠤᠢ᠌ᠯᠠᠯ ᠶᠠᠰᠤ ᠴᠢᠨᠠᠷ᠎ᠢ ᠬᠦᠬᠡᠭᠡᠴᠡᠯᠳᠤᠬᠦ᠂ ᠨᠡᠢ᠌ᠭᠡᠮ ᠨᠡᠢ᠌ᠳᠡ ᠶᠠᠰᠤ ᠴᠢᠨᠠᠷ᠎ᠢ ᠡᠷᠬᠢᠮᠯᠡᠬᠦ᠂ ᠬᠦᠮᠤᠨ ᠭᠦᠬᠦᠨ ᠶᠠᠰᠤ ᠴᠢᠨᠠᠷ᠎ᠢ ᠠᠩᠬᠠᠷᠬᠤ ᠬᠦᠨ ᠵᠤᠵᠠᠭ᠋ᠠᠨ ᠠᠭᠤᠷ ᠠᠮᠢᠰᠬᠤᠯ᠎ᠢ ᠪᠤᠢ ᠪᠤᠯᠭ᠋ᠠᠨ᠎ᠠ; ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠵᠠᠳᠠᠯᠤᠨ ᠰᠤᠳᠤᠯᠵᠦ᠂ ᠶᠠᠷᠢᠶ᠎ᠠ ᠬᠡᠯᠡᠯᠴᠡᠭᠡᠨ᠎ᠤ ᠨᠤᠶᠠᠨ ᠤᠷᠬᠢᠯ᠎ᠢ ᠡᠵᠡᠯᠡᠵᠦ᠂ ᠶᠠᠷᠢᠶ᠎ᠡ ᠬᠡᠯᠡᠯᠴᠡᠭᠡᠨ᠎ᠤ ᠳᠠᠭᠤ ᠴᠢᠮᠡᠭᠡ ᠵᠢ ᠳᠠᠭ᠋ᠠᠭᠤᠯᠵᠦ᠂ ᠶᠡᠷᠢᠶ᠎ᠠ ᠬᠡᠯᠡᠯᠴᠡᠭᠡᠨ᠎ᠤ ᠤᠳᠤᠷᠢᠳᠤᠮᠵᠢ ᠵᠢ ᠵᠢᠯᠤᠭᠤᠳᠴᠤ᠂ ᠶᠠᠰᠤ ᠴᠢᠨᠠᠷ᠎ᠤᠨ ᠲᠤᠬᠠᠢ ᠦᠬᠦᠯᠡᠵᠦ᠂ ᠶᠠᠰᠤ ᠴᠢᠨᠠᠷ᠎ᠤᠨ ᠳᠠᠭᠤᠨ᠎ᠢ ᠬᠠᠩᠬᠢᠨᠠᠭᠤᠯᠤᠨ᠎ᠠ᠃ ᠭᠤᠤᠯ ᠵᠡᠭᠤᠴᠢ᠂ ᠰᠢᠨ᠎ᠡ ᠵᠠᠭᠤᠴᠢ ᠨᠠᠷ᠎ᠲᠠᠢ ᠬᠠᠮᠳᠤᠷᠠᠨ ᠠᠵᠢᠯᠯᠠᠬᠤ᠎ᠪᠠᠨ ᠴᠢᠩᠭ᠋ᠠᠳᠬᠠᠵᠦ᠂ ᠲᠡᠷᠢᠭᠦᠨ᠎ᠤ ᠨᠡᠢ᠌ᠳᠡᠯᠢᠭ ᠵᠢᠱ᠌ᠢᠶ᠎ᠡ ᠵᠢ ᠶᠡᠬᠡᠪᠡᠷ ᠤᠬᠠᠭᠤᠯᠵᠦ᠂ ᠶᠠᠰᠤ ᠴᠢᠨᠠᠷ᠎ᠤᠨ ᠠᠰᠠᠭᠤᠳᠠᠯ ᠪᠠ ᠬᠤᠳᠠᠯ ᠬᠠᠭᠤᠷᠮᠠᠭ ᠦᠢ᠍ᠯᠡᠳᠬᠦᠨ᠎ᠢ ᠬᠠᠢ᠌ᠷ᠎ᠠ ᠨᠠᠢ᠌ᠷ ᠦᠬᠡᠢ ᠢᠯᠡᠴᠢᠯᠡᠵᠦ᠂ ᠶᠠᠰᠤ ᠴᠢᠨᠠᠷ᠎ᠢ ᠡᠷᠬᠢᠮᠯᠡᠬᠦ ᠨᠡᠢ᠌ᠭᠡᠮ᠎ᠤᠨ ᠬᠡᠪ ᠪᠠᠢ᠌ᠳᠠᠯ᠎ᠢ ᠪᠤᠢ ᠪᠤᠯᠭ᠋ᠠᠨ᠎ᠠ᠃
[ᠭᠤᠤ ᠢᠩ ᠵᠢᠶᠸ] (ᠬᠤᠶᠠᠷ) ᠠᠮᠤᠷ ᠲᠦᠪᠰᠢᠨ᠎ᠤ ᠰᠡᠷᠭᠡᠢ᠌ᠯᠡᠯᠳᠡ ᠵᠢᠨ ᠱᠤᠭᠤᠮ᠎ᠢ ᠪᠡᠬᠢᠯᠡᠨ᠎ᠡ᠃ ᠨᠢᠬᠡ᠎ᠳᠤ ᠲᠦᠪᠯᠡᠷᠡᠬᠦᠯᠦᠨ ᠴᠡᠭᠴᠡᠯᠡᠨ ᠵᠠᠰᠠᠬᠤ ᠠᠵᠢᠯᠯᠠᠭ᠎ᠠ ᠵᠢ ᠦᠷᠭᠦᠯᠵᠢᠯᠡᠨ ᠦᠷᠨᠢᠬᠦᠯᠵᠦ᠂ ᠤᠨᠴᠠᠭ᠋ᠠᠢ ᠲᠦᠬᠦᠭᠡᠷᠤᠮᠵᠢ ᠵᠢᠨ ᠠᠮᠤᠷ ᠲᠦᠪᠰᠢᠨ᠎ᠢ ᠪᠠᠳᠤᠯᠠᠨ᠎ᠠ᠃ ᠠᠵᠦ ᠠᠬᠤᠢ᠌ᠯᠠᠯ ᠵᠶ᠋ᠡᠷ ᠭᠤᠤᠯ ᠴᠤᠭᠴᠠ ᠪᠤᠯᠭ᠋ᠠᠵᠦ᠂ ᠰᠠᠯᠠᠭ᠎ᠠ ᠮᠦᠴᠢᠷ ᠬᠢᠨᠠᠨ ᠬᠠᠮᠢᠶᠠᠷᠴᠤ᠂ ᠨᠡᠢ᠌ᠭᠡᠮ ᠨᠡᠢ᠌ᠳᠡ᠎ᠪᠠᠷ ᠵᠶ᠋ᠡᠨ ᠬᠢᠨᠠᠯᠳᠠ ᠳᠠᠯᠪᠢᠬᠤ 《ᠭᠤᠷᠪᠠ ᠵᠢ ᠨᠢᠬᠡ ᠴᠤᠭᠴᠠᠴᠢᠯᠠᠭᠰᠠᠨ》 ᠤᠨᠴᠠᠭ᠋ᠠᠢ ᠲᠦᠬᠦᠭᠡᠷᠦᠮᠵᠢ ᠵᠢᠨ ᠠᠮᠤᠷ ᠲᠦᠪᠰᠢᠨ᠎ᠤ ᠲᠤᠭᠳᠠᠴᠠ ᠵᠢ ᠳᠡᠭᠦᠯᠳᠡᠷᠵᠢᠭᠦᠯᠵᠦ᠂ ᠠᠮᠤᠷ ᠲᠦᠪᠰᠢᠨ᠎ᠢ ᠬᠢᠨᠠᠨ ᠬᠠᠮᠢᠶᠠᠷᠬᠤ ᠵᠢ ᠪᠦᠷᠢᠨ ᠪᠦᠷᠬᠦᠭᠦᠯᠬᠦ ᠵᠢ ᠪᠠᠳᠤᠯᠠᠨ᠎ᠠ; ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠤᠨᠴᠠᠭ᠋ᠠᠢ ᠲᠦᠬᠦᠭᠡᠷᠦᠮᠵᠢ ᠵᠢᠨ ᠡᠨᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠨ ᠰᠢᠢ᠍ᠳᠪᠤᠷᠢᠯᠡᠬᠦ ᠤᠳᠤᠷᠢᠳᠬᠤ ᠲᠤᠭᠤᠢ᠌ᠯᠠᠩ ᠪᠠᠢ᠌ᠭᠤᠯᠬᠤ ᠵᠢ᠎ᠨᠢ ᠠᠬᠢᠭᠤᠯᠵᠦ᠂ ᠨᠢᠭᠡᠳᠤᠯᠲᠠᠢ ᠦᠨᠳᠤᠷ ᠦᠷ᠎ᠡ ᠪᠦᠳᠤᠮᠵᠢᠲᠠᠢ ᠪᠠᠴᠢᠮ ᠪᠠᠢ᠌ᠳᠠᠯ᠎ᠢ ᠠᠷᠭ᠋ᠠᠴᠠᠨ ᠠᠪᠤᠷᠠᠨ ᠲᠤᠰᠠᠯᠠᠬᠤ ᠪᠠ ᠰᠢᠢ᠍ᠳᠪᠤᠷᠢᠯᠡᠬᠦ ᠲᠠᠪᠴᠠᠩ᠎ᠢ ᠪᠠᠢ᠌ᠭᠤᠯᠵᠦ᠂ ᠲᠦᠷᠭᠡᠨ ᠲᠤᠰᠬᠠᠯ ᠭᠠᠷᠭ᠋ᠠᠬᠤ ᠪᠠ ᠪᠠᠴᠢᠮ ᠰᠢᠢ᠍ᠳᠪᠤᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠤᠨ᠎ᠡ; ᠲᠤᠰᠤ ᠬᠡᠢ ᠳᠠᠮᠵᠢᠭᠤᠯᠬᠤ ᠬᠤᠭᠤᠯᠠᠢ ᠵᠢᠨ ᠬᠡᠮ ᠰᠤᠭᠤᠭ᠎ᠢ ᠴᠡᠭᠴᠡᠯᠡᠨ ᠵᠠᠰᠠᠬᠤ᠂ ᠲᠠᠷᠤᠯᠳᠠ᠎ᠲᠠᠢ ᠰᠢᠯᠵᠢᠮᠡᠯ ᠰᠠᠪᠠ ᠵᠢ ᠪᠠᠢ᠌ᠴᠠᠭ᠋ᠠᠬᠤ ᠪᠠ ᠠᠵᠦ ᠦᠢ᠍ᠯᠡᠳᠪᠤᠷᠢ ᠵᠢᠨ ᠵᠤᠤᠬ᠎ᠠ ᠵᠢᠨ ᠲᠠᠯᠳᠠ ᠬᠡᠮ᠎ᠢ ᠪᠠᠢ᠌ᠴᠠᠭ᠋ᠠᠨ ᠰᠢᠢ᠍ᠳᠪᠤᠷᠢᠯᠡᠬᠦ ᠵᠡᠷᠭᠡ ᠠᠵᠢᠯ᠎ᠢ ᠬᠦᠨᠵᠡᠬᠡᠢ ᠦᠷᠨᠢᠬᠦᠯᠵᠦ᠂ ᠡᠷᠳᠡᠬᠡᠨ ᠮᠡᠳᠡᠵᠦ᠂ ᠡᠷᠳᠡᠬᠡᠨ ᠪᠠᠢ᠌ᠴᠠᠭ᠋ᠠᠵᠦ᠂ ᠡᠷᠳᠡᠬᠡᠨ ᠵᠠᠰᠠᠬᠤ ᠪᠤᠯᠭ᠋ᠠᠨ᠎ᠠ ; ᠴᠠᠬᠢᠯᠭ᠋ᠠᠨ ᠱᠠᠳᠤ ᠵᠢᠨ ᠠᠮᠤᠷ ᠲᠦᠪᠰᠢᠨ᠎ᠤ ᠬᠢᠨᠠᠯᠳᠠ ᠬᠠᠮᠢᠶᠠᠷᠤᠯᠳᠠ ᠵᠢ ᠴᠢᠩᠭ᠋ᠠᠳᠬᠠᠵᠦ᠂ ᠴᠠᠬᠢᠯᠭ᠋ᠠᠨ ᠱᠠᠳᠤᠨ᠎ᠤ ᠰᠠᠭ᠋ᠠᠳ᠎ᠤᠨ ᠨᠤᠷᠮ᠎ᠠ ᠪᠠ ᠡᠨᠳᠡᠯ ᠤᠨ ᠨᠤᠷᠮ᠎ᠠ ᠵᠢ ᠭᠢᠵᠠᠭ᠋ᠠᠷᠯᠠᠨᠠ᠃ ᠡᠨᠡ ᠵᠢᠯ ᠤᠯᠤᠰ᠎ᠤᠨ ᠶᠠᠰᠤ ᠴᠢᠨᠠᠷ᠎ᠤᠨ ᠪᠠᠢ᠌ᠴᠠᠭ᠋ᠠᠯᠳᠠ ᠵᠢᠨ ᠶᠡᠷᠦᠩᠬᠡᠢ ᠲᠤᠪᠴᠢᠶ᠎ᠠ ᠵᠢᠨ ᠪᠠᠢ᠌ᠷᠢᠯᠠᠭᠤᠯᠤᠯᠳᠠ᠎ᠪᠠᠷ ᠪᠦᠬᠦ ᠰᠢᠰᠲᠸᠮ᠎ᠤᠨ ᠬᠦᠴᠤᠨ᠎ᠢ ᠲᠦᠪᠯᠡᠷᠡᠬᠦᠯᠦᠨ᠂ ᠴᠠᠬᠢᠯᠭ᠋ᠠᠨ ᠱᠠᠳᠤᠨ᠎ᠤ ᠠᠮᠤᠷ ᠲᠦᠪᠰᠢᠨ᠎ᠢ ᠬᠢᠨᠠᠠ ᠬᠠᠮᠢᠶᠠᠷᠬᠤ ᠶᠡᠬᠡ ᠲᠠᠢ᠌ᠯᠠᠯᠳᠤᠭ᠋ᠠᠨ᠎ᠢ ᠦᠷᠨᠢᠭᠦᠯᠦᠨ᠎ᠠ᠃ ᠬᠤᠶᠠᠷ᠎ᠲᠤ ᠦᠢ᠍ᠯᠡᠳᠭᠦᠨ᠎ᠤ ᠶᠠᠰᠤ ᠴᠢᠨᠠᠷ᠎ᠢ ᠬᠢᠨᠠᠨ ᠬᠠᠮᠢᠶᠠᠷᠬᠤ ᠡᠷᠴᠢᠮ᠎ᠢ ᠴᠢᠩᠭ᠋ᠠᠯᠠᠵᠦ᠂ ᠬᠡᠷᠡᠭᠯᠡᠭᠡᠨ᠎ᠤ ᠪᠤᠳᠠᠰ᠎ᠤᠨ ᠠᠮᠤᠷ ᠲᠦᠪᠰᠢᠨ᠎ᠢ ᠪᠠᠳᠤᠯᠠᠨ᠎ᠠ᠃ ᠡᠨᠡ ᠵᠢᠯ᠎ᠠᠴᠠ ᠡᠬᠢᠯᠡᠨ᠂ ᠪᠢᠳᠡ ᠦᠢ᠍ᠯᠡᠳᠬᠦᠨ᠎ᠳᠤ ᠬᠢᠨᠠᠯᠳᠠ ᠳᠠᠯᠪᠢᠬᠤ ᠵᠢ ᠰᠤᠭᠤᠴᠠᠨ ᠪᠠᠢ᠌ᠴᠠᠭ᠋ᠠᠬᠤ ᠪᠦᠷᠬᠦᠴᠡ ᠵᠢ ᠠᠯᠬᠤᠮ ᠠᠯᠬᠤᠮ ᠵᠶ᠋ᠡᠷ ᠶᠡᠬᠡᠰᠭᠡᠵᠦ᠂ ᠬᠡᠷᠡᠭᠯᠡᠭᠡᠨ᠎ᠤ ᠪᠣᠳᠠᠰ᠂ ᠡᠯᠸᠺᠲᠷᠤᠨ ᠬᠤᠳᠠᠯᠳᠤᠭ᠎ᠠ ᠵᠢᠨ ᠦᠢ᠍ᠯᠡᠳᠬᠦᠨ ᠵᠡᠷᠭᠡ ᠰᠢᠨ᠎ᠡ ᠬᠦᠷᠢᠶᠡᠨ᠎ᠤ ᠰᠤᠭᠤᠴᠠᠨ ᠪᠠᠢ᠌ᠴᠠᠭ᠋ᠠᠬᠤ ᠬᠡᠪᠴᠢᠶ᠎ᠡ ᠵᠢ ᠦᠷᠭᠡᠳᠬᠡᠵᠦ᠂ ᠰᠤᠭᠤᠴᠠᠨ ᠪᠠᠢ᠌ᠴᠠᠭ᠋ᠠᠬᠤ ᠦᠢ᠍ᠯᠡᠳᠬᠦᠨ᠎ᠤ ᠲᠦᠷᠦᠯ᠎ᠢ 100 ᠲᠦᠷᠦᠯ ᠪᠤᠯᠭ᠋ᠠᠨ ᠦᠷᠭᠡᠳᠭᠡᠵᠦ᠂ ᠰᠤᠭᠤᠴᠠᠨ ᠪᠠᠢ᠌ᠴᠠᠭ᠋ᠠᠬᠤ ᠵᠢ 3000 ᠪᠦᠯᠦᠭ ᠤᠳᠠᠭ᠎ᠠ᠎ᠳᠤ ᠬᠦᠷᠤᠭᠦᠯᠤᠨᠡ; ᠲᠦᠭᠰᠢᠭᠦᠷᠢ ᠵᠢ ᠬᠢᠨᠠᠨ ᠬᠡᠮᠵᠢᠬᠦ ᠡᠷᠴᠢᠮ᠎ᠢ ᠴᠢᠩᠭ᠋ᠠᠯᠠᠵᠦ᠂ ᠤᠢ᠌ᠷ᠎ᠠ ᠵᠢᠨ ᠵᠢᠯ᠎ᠳᠤ ᠬᠢᠷᠢ᠎ᠳᠤ ᠳᠡᠩᠴᠡᠬᠦ ᠨᠤᠷᠮ᠎ᠠ᠎ᠨᠢ ᠳᠤᠤᠷ᠎ᠠ ᠪᠠᠢ᠌ᠬᠤ ᠦᠢ᠍ᠯᠡᠳᠭᠦᠨ᠎ᠢ ᠰᠤᠭᠤᠴᠠᠨ ᠪᠠᠢ᠌ᠴᠠᠭ᠋ᠠᠵᠦ ᠬᠢᠨᠠᠨ ᠬᠠᠮᠢᠶᠠᠷᠬᠤ᠂ ᠬᠤᠵᠢᠭᠤ ᠰᠢᠢ᠍ᠳᠪᠤᠷᠢᠯᠡᠬᠦ ᠪᠠ ᠪᠤᠯᠵᠤᠨ ᠶᠠᠷᠢᠯᠴᠠᠬᠤ ᠡᠷᠴᠢᠮ᠎ᠢ ᠴᠢᠩᠭ᠋ᠠᠷᠠᠭᠤᠯᠤᠨ᠎ᠠ; ᠰᠤᠷᠤᠭᠴᠢᠳ᠎ᠤᠨ ᠰᠤᠷᠭ᠋ᠠᠭᠤᠯᠢ ᠵᠢᠨ ᠬᠤᠪᠴᠠᠰᠤ ᠵᠡᠷᠭᠡ ᠬᠢᠷᠢ᠎ᠳᠤ ᠳᠡᠩᠴᠡᠬᠦ ᠨᠤᠷᠮ᠎ᠠ᠎ᠨᠢ ᠨᠡᠯᠢᠶᠡᠳ ᠳᠤᠤᠷ᠎ᠠ ᠪᠠᠢ᠌ᠬᠤ 8 ᠲᠦᠷᠦᠯ᠎ᠤᠨ ᠦᠢ᠍ᠯᠡᠳᠬᠦᠨ ᠪᠤᠯᠤᠨ ᠶᠡᠷᠤᠩᠬᠡᠢ ᠲᠤᠪᠴᠢᠶ᠎ᠠ᠎ᠠᠴᠠ ᠲᠤᠭᠳᠠᠭ᠋ᠠᠭᠰᠠᠨ10 ᠲᠦᠷᠦᠯ᠎ᠤᠨ ᠭᠤᠤᠯᠳᠠᠯᠭ᠎ᠠ᠎ᠲᠠᠢ ᠦᠢ᠍ᠯᠡᠳᠬᠦᠨ᠎ᠤ ᠲᠤᠭᠤᠷᠢᠨ᠎ᠳᠤ ᠲᠦᠭᠰᠢᠭᠦᠷᠢ ᠵᠢ ᠬᠢᠨᠠᠨ ᠬᠡᠮᠵᠢᠬᠦ ᠪᠠ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ ᠵᠢ ᠦᠷᠨᠢᠭᠦᠯᠦᠨ᠎ᠡ; 《ᠦᠢ᠍ᠯᠡᠳᠬᠦᠨ᠎ᠤ ᠶᠠᠰᠤ ᠴᠢᠨᠠᠷ᠎ᠢ ᠳᠡᠭᠡᠭᠰᠢᠯᠡᠬᠦᠯᠬᠦ ᠠᠵᠢᠯᠯᠠᠭ᠋ᠠᠨ᠎ᠤ ᠲᠦᠰᠤᠯ》᠎ᠢ ᠲᠤᠭᠳᠠᠭ᠋ᠠᠵᠦ᠂ ᠦᠢ᠍ᠯᠡᠳᠭᠦᠨ᠎ᠤ ᠲᠡᠰ ᠵᠡᠷᠭᠡ᠎ᠨᠢ ᠨᠡᠯᠢᠶᠡᠳ ᠳᠤᠤᠷ᠎ᠠ ᠪᠠᠢ᠌ᠬᠤ᠂ ᠪᠠᠷᠢᠮᠵᠢᠶ᠎ᠠ᠎ᠨᠢ ᠨᠠᠢ᠌ᠳᠠᠪᠤᠷᠢᠲᠠᠢ ᠪᠤᠰᠤ ᠪᠠᠢ᠌ᠭ᠎ᠠ ᠲᠤᠪᠤᠢ᠌ᠮ᠎ᠠ ᠠᠰᠠᠭᠤᠳᠠᠯ᠎ᠢ ᠦᠨᠡᠨᠬᠦ ᠰᠢᠢ᠍ᠳᠪᠤᠷᠢᠯᠡᠨ᠎ᠠ᠃ ᠭᠤᠷᠪᠠ᠎ᠳᠤ ᠬᠠᠤᠯᠢ ᠬᠡᠷᠡᠭᠵᠢᠭᠦᠯᠦᠨ ᠬᠤᠳᠠᠯ ᠬᠠᠭᠤᠷᠮᠠᠭ ᠵᠦᠢ᠍ᠯ᠎ᠳᠤ ᠴᠤᠬᠢᠯᠳᠠ ᠦᠭᠬᠦ ᠦᠨᠳᠤᠷ ᠲᠠᠷᠤᠯᠳᠠ ᠵᠢᠨ ᠪᠠᠢ᠌ᠳᠠᠯ᠎ᠢ ᠢᠮᠠᠭᠳᠠ ᠪᠠᠷᠢᠮᠳᠠᠯᠠᠨ᠎ᠠ᠃ 《ᠶᠠᠰᠤ ᠴᠢᠨᠠᠷ᠎ᠲᠤ ᠬᠢᠨᠠᠯᠳᠠ ᠳᠠᠯᠪᠢᠬᠤ ᠵᠢ ᠬᠤᠷᠴᠠ ᠰᠠᠯᠠᠮ᠎ᠡ ᠪᠤᠯᠭ᠋ᠠᠬᠤ》 ᠠᠵᠢᠯᠯᠠᠭ᠎ᠠ ᠵᠢ ᠬᠦᠨᠵᠡᠬᠡᠢ ᠦᠷᠨᠢᠭᠦᠯᠵᠦ᠂ ᠵᠠᠬ᠎ᠠ ᠳᠡᠯᠭᠡᠭᠦᠷ᠎ᠤᠨ ᠡᠮᠬᠢ ᠲᠢᠭᠯᠢᠮ᠎ᠢ ᠡᠪᠳᠡᠭᠰᠡᠨ᠂ ᠭᠤᠤᠯᠴᠢ ᠦᠷᠢᠰᠤᠯᠳᠤᠭᠡᠨ᠎ᠢ ᠨᠦᠯᠦᠭᠡᠯᠡᠭᠰᠡᠨ ᠶᠠᠰᠤ ᠴᠢᠨᠠᠷ᠎ᠤᠨ ᠠᠮᠤᠷ ᠲᠦᠪᠰᠢᠨ᠎ᠤ ᠬᠠᠤᠯᠢ᠎ᠠᠴᠠ ᠵᠦᠷᠢᠴᠡᠭᠰᠡᠨ ᠠᠵᠢᠯᠯᠠᠭ᠎ᠠ᠎ᠳᠤ ᠬᠦᠨᠳᠤ ᠴᠤᠬᠢᠯᠳᠠ ᠦᠭᠬᠦᠨ᠎ᠠ; ᠲᠠᠷᠢᠶᠠᠯᠠᠩ᠎ᠤᠨ ᠬᠡᠷᠡᠭᠰᠡᠯ᠂ ᠪᠠᠷᠢᠯᠭ᠎ᠠ ᠵᠢᠨ ᠮᠠᠲᠸᠷᠢᠶᠠᠯ᠂ ᠴᠠᠬᠢᠯᠭ᠋ᠠᠨ ᠤᠳᠠᠰᠤ ᠴᠠᠬᠢᠯᠭ᠋ᠠᠨ ᠳᠡᠭᠡᠰᠤ᠂ ᠮᠠᠰᠢᠨ ᠲᠡᠷᠭᠡᠨ᠎ᠤ ᠰᠡᠯᠪᠢᠭ ᠲᠤᠨᠤᠭ᠂ ᠠᠯᠪᠠᠳᠠᠯᠭ᠎ᠠ ᠵᠢᠨ ᠴᠢᠨᠠᠷᠲᠠᠢ ᠦᠨᠡᠮᠰᠢᠭᠰᠡᠨ ᠦᠢ᠍ᠯᠡᠳᠭᠦᠨ᠂ ᠰᠢᠷᠭᠡᠭᠯᠢᠭ ᠦᠢ᠍ᠯᠡᠳᠭᠦᠨ᠂ ᠮᠠᠰᠢᠨᠳᠤ ᠬᠡᠷᠡᠭᠯᠡᠬᠦ ᠰᠢᠳᠠᠭ᠋ᠠᠯᠭ᠎ᠠ ᠵᠢᠨ ᠲᠤᠰᠤ ᠵᠡᠷᠭᠡ ᠦᠢ᠍ᠯᠡᠳᠭᠦᠨ᠎ᠢ ᠭᠤᠤᠯᠳᠠᠯᠭ᠎ᠠ᠎ᠲᠠᠢ ᠦᠢ᠍ᠯᠡᠳᠭᠦᠨ ᠪᠤᠯᠭ᠋ᠠᠵᠦ᠂ ᠲᠡᠭᠦᠨ᠎ᠤ ᠬᠤᠳᠠᠯ ᠬᠠᠭᠤᠷᠮᠠᠭ ᠦᠢ᠍ᠯᠡᠳᠭᠦᠨ᠎ᠳᠤ ᠭᠤᠤᠯᠳᠠᠯᠭ᠎ᠠ᠎ᠲᠠᠢ ᠴᠤᠬᠢᠯᠳᠠ ᠦᠭᠬᠦᠨ᠎ᠠ; ᠤᠯᠠᠨ ᠨᠡᠢ᠌ᠳᠡ ᠵᠢᠨ ᠴᠤᠭᠯᠠᠭ᠋ᠠᠨ᠎ᠤ ᠲᠠᠯᠠᠪᠤᠷ᠂ ᠠᠶᠤᠯᠲᠠᠢ ᠬᠢᠮᠢ ᠪᠤᠳᠢᠰ ᠦᠢ᠍ᠯᠡᠳᠪᠤᠷᠢᠯᠡᠬᠦ ᠠᠵᠦ ᠠᠬᠤᠢ᠌ᠯᠠᠯ᠂ ᠰᠢᠪᠳᠤᠷ ᠬᠦᠷᠦᠬᠡᠬᠦ ᠠᠵᠦ ᠠᠬᠤᠢ᠌ᠯᠠᠯ᠎ᠤᠨ ᠲᠤᠭᠤᠷᠢᠨ᠎ᠳᠤ ᠤᠨᠴᠠᠭ᠋ᠠᠢ ᠲᠦᠬᠦᠭᠡᠷᠦᠮᠵᠢ ᠵᠢᠨ ᠬᠠᠤᠯᠢ ᠬᠡᠷᠡᠭᠵᠢᠬᠦᠯᠬᠦ ᠪᠠᠢ᠌ᠴᠠᠭ᠋ᠠᠯᠳᠠ ᠵᠢ ᠦᠷᠨᠢᠭᠦᠯᠦᠨ᠎ᠡ; ᠬᠠᠤᠯᠢ ᠬᠡᠷᠡᠭᠵᠢᠬᠦᠯᠬᠦ᠎ᠪᠠᠷ ᠬᠤᠯᠪᠤᠭ᠋ᠠᠯᠠᠨ ᠬᠦᠳᠡᠯᠦᠯᠴᠡᠬᠦ ᠵᠢ ᠴᠢᠩᠭ᠋ᠠᠳᠬᠠᠵᠦ᠂ ᠨᠦᠯᠦᠭᠡ᠎ᠪᠠᠷ ᠳᠤᠩ ᠮᠠᠭᠤ ᠲᠤᠮᠤ ᠬᠡᠷᠡᠭ ᠴᠢᠬᠤᠯᠠ ᠬᠡᠷᠡᠭ᠎ᠢ ᠬᠦᠴᠤ᠎ᠪᠠᠨ ᠬᠠᠮᠳᠤᠳᠬᠠᠨ ᠪᠠᠢ᠌ᠴᠠᠭ᠋ᠠᠨ ᠰᠢᠢ᠍ᠳᠪᠤᠷᠢᠯᠠᠵᠦ᠂ ᠬᠤᠳᠠᠯ ᠬᠠᠭᠤᠷᠮᠠᠭ ᠦᠢ᠍ᠯᠡᠳᠭᠦᠨ᠎ᠳᠤ ᠦᠴᠤᠭᠡᠨ ᠴᠤ᠌ ᠲᠤᠬᠢᠶᠠᠯ ᠤᠯᠭᠤᠬᠤ ᠦᠬᠡᠢ ᠪᠠᠢ᠌ᠯᠭ᠋ᠠᠨ᠎ᠠ᠃ ᠬᠠᠤᠯᠢ ᠬᠡᠷᠡᠭᠵᠢᠬᠦᠯᠦᠯᠳᠠ᠎ᠪᠠᠷ ᠬᠤᠳᠠᠯ ᠬᠠᠭᠤᠷᠮᠠᠭ᠎ᠲᠤ ᠴᠤᠬᠢᠯᠳᠠ ᠦᠭᠬᠦ ᠬᠠᠷᠢᠭᠤᠴᠠᠯᠭ᠎ᠠ ᠵᠢ ᠴᠢᠩᠭ᠋ᠠᠷᠠᠭᠤᠯᠵᠦ᠂ ᠬᠡᠷᠡᠭ᠎ᠢ ᠪᠠᠢ᠌ᠴᠠᠭ᠋ᠠᠨ ᠰᠢᠢ᠍ᠳᠪᠤᠷᠢᠯᠡᠬᠦ ᠲᠤᠭ᠎ᠠ ᠬᠡᠮᠵᠢᠶ᠎ᠡ ᠪᠠᠭᠤᠷᠠᠬᠤ᠂ ᠤᠷᠤᠨ ᠨᠤᠳᠤᠭ᠎ᠤᠨ ᠬᠠᠮᠠᠭ᠋ᠠᠯᠠᠯᠳᠠ ᠲᠤᠯᠤᠭ᠋ᠠᠢ ᠦᠨᠳᠡᠢ᠌ᠬᠦ ᠠᠰᠠᠭᠤᠳᠠᠯ᠎ᠢ ᠰᠢᠢ᠍ᠳᠪᠤᠷᠢᠯᠡᠵᠦ᠂ ᠬᠡᠷᠡᠭ᠎ᠢ ᠪᠠᠢ᠌ᠴᠠᠭ᠋ᠠᠨ ᠰᠢᠢ᠍ᠳᠪᠤᠷᠢᠯᠡᠭᠰᠡᠨ ᠪᠠᠢ᠌ᠳᠠᠯ᠎ᠢ ᠵᠠᠰᠠᠭ᠎ᠤᠨ ᠤᠷᠳᠤᠨ᠎ᠤ ᠶᠠᠰᠤ ᠴᠢᠨᠠᠷ᠎ᠤᠨ ᠠᠵᠢᠯ᠎ᠤᠨ ᠬᠢᠨᠠᠨ ᠰᠢᠯᠭ᠋ᠠᠯᠳᠠ ᠵᠢᠨ ᠠᠭᠤᠯᠭ᠎ᠠ᠎ᠳᠤ ᠤᠷᠤᠭᠤᠯᠤᠨ᠎ᠠ᠃
[ᠭᠤᠤ ᠢᠩ ᠵᠢᠶᠸ] (ᠭᠤᠷᠪᠠ) ᠶᠠᠰᠤ ᠴᠢᠨᠠᠷ᠎ᠤᠨ ᠰᠠᠭᠤᠷᠢ ᠵᠢ ᠪᠠᠳᠤᠳᠬᠠᠨ᠎ᠠ᠃ ᠨᠢᠭᠡ᠎ᠳᠤ ᠪᠠᠷᠢᠮᠵᠢᠶ᠎ᠠ᠎ᠳᠤ ᠵᠢᠷᠤᠮᠵᠢᠭᠤᠯᠤᠯ᠎ᠤᠨ ᠦᠢ᠍ᠯᠡᠳᠤᠯ᠎ᠢ ᠴᠢᠩᠭ᠋ᠠᠳᠬᠠᠨ᠎ᠠ᠃ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠠᠷᠢᠮᠵᠢᠶᠠᠭᠤᠯᠤᠯᠳᠠ ᠵᠢᠨ ᠠᠵᠢᠯ᠎ᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠲᠦᠯᠦᠪᠯᠡᠬᠡ》 ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠦ᠂ ᠰᠢᠨ᠎ᠡ ᠬᠡᠯᠪᠡᠷᠢ ᠵᠢᠨ ᠠᠵᠦ ᠦᠢ᠍ᠯᠡᠳᠪᠤᠷᠢ᠂ ᠤᠳᠤᠬᠢᠴᠢᠯᠠᠭᠰᠠᠨ ᠲᠠᠷᠢᠶᠠᠯᠠᠩ᠂ ᠦᠢ᠍ᠯᠡᠴᠢᠯᠡᠭᠡᠨ᠎ᠤ ᠦᠢ᠍ᠯᠡᠰ᠂ ᠨᠡᠢ᠌ᠭᠡᠮ᠎ᠤᠨ ᠬᠠᠮᠢᠶᠠᠷᠤᠯᠳᠠ ᠪᠤᠯᠤᠨ ᠤᠯᠠᠨ ᠨᠡᠢ᠌ᠳᠡ ᠵᠢᠨ ᠦᠢ᠍ᠯᠡᠴᠢᠯᠡᠭᠡᠨ ᠵᠡᠷᠭᠡ 4 ᠲᠤᠮᠤ ᠪᠠᠷᠢᠮᠵᠢᠶ᠎ᠠ᠎ᠳᠤ ᠰᠢᠰᠲᠸᠮ᠎ᠤᠨ ᠶᠡᠷᠦᠩᠬᠡᠢ ᠲᠦᠯᠦᠪ ᠪᠠᠢ᠌ᠳᠠᠯ᠎ᠢ ᠲᠦᠷᠭᠡᠨ ᠪᠤᠢ ᠪᠤᠯᠭ᠋ᠠᠵᠦ᠂ ᠡᠨ᠋ᠸᠷᠬᠢ ᠵᠢᠨ ᠠᠵᠦ ᠦᠢ᠍ᠯᠡᠳᠪᠤᠷᠢ᠂ ᠲᠠᠷᠢᠶᠠᠯᠠᠩ ᠮᠠᠯ ᠠᠵᠦ ᠠᠬᠤᠢ ᠵᠢᠨ ᠮᠠᠰᠢᠨᠴᠢᠯᠠᠯᠳᠠ᠂ ᠠᠮᠢ ᠠᠬᠤᠢ ᠤᠢ ᠰᠢᠭᠤᠢ ᠵᠡᠷᠭᠡ ᠬᠦᠷᠢᠶᠡᠨ᠎ᠤ ᠮᠡᠷᠭᠡᠵᠢᠯ᠎ᠤᠨ ᠪᠠᠷᠢᠮᠵᠢᠶ᠎ᠠ ᠵᠢ ᠭᠤᠤᠯᠳᠠᠯᠭ᠎ᠠ᠎ᠲᠠᠢ ᠰᠤᠳᠤᠯᠤᠨ ᠲᠤᠭᠳᠠᠭ᠋ᠠᠵᠦ᠂ ᠵᠢᠯ᠎ᠤᠨ ᠳᠤᠳᠤᠷ᠎ᠠ180 ᠲᠦᠷᠦᠯ᠎ᠤᠨ ᠤᠷᠤᠨ ᠨᠤᠳᠤᠭ᠎ᠤᠨ ᠪᠠᠷᠢᠮᠵᠢᠶ᠎ᠠ ᠵᠢ ᠵᠠᠰᠠᠨ ᠲᠤᠭᠳᠠᠭ᠋ᠠᠬᠤ᠎ᠪᠠᠷ ᠴᠢᠷᠮᠠᠢ᠌ᠵᠦ᠂ ᠡᠯᠸᠺᠲᠷᠤᠨ ᠮᠡᠳᠡᠭᠡ ᠵᠠᠩᠬᠢ᠂ ᠦᠢ᠍ᠯᠡᠴᠢᠯᠡᠭᠡᠨ᠎ᠤ ᠦᠢ᠍ᠯᠡᠰ᠂ ᠴᠠᠭ ᠠᠭᠤᠷ ᠵᠡᠷᠭᠡ ᠪᠠᠷᠢᠮᠵᠢᠶᠠᠵᠢᠭᠤᠯᠬᠤ ᠲᠤᠰᠬᠠᠢ ᠮᠡᠷᠭᠡᠵᠢᠯ᠎ᠤᠨ ᠺᠤᠮᠢᠰ᠎ᠢ10 ᠵᠢ ᠪᠠᠢ᠌ᠭᠤᠯᠤᠨ᠎ᠠ᠃ ᠬᠤᠶᠠᠷ᠎ᠲᠤ ᠬᠡᠮᠵᠢᠯᠳᠡ ᠵᠢᠨ ᠰᠠᠭᠤᠷᠢ ᠦᠢ᠍ᠯᠡᠳᠤᠯ᠎ᠢ ᠴᠢᠩᠭ᠋ᠠᠳᠬᠠᠨ᠎ᠠ᠃ ᠲᠦᠷᠦ ᠵᠢᠨ ᠶᠠᠪᠤᠳᠠᠯ᠎ᠤᠨ ᠬᠤᠷᠢᠶᠠᠨ᠎ᠤ 《ᠬᠡᠮᠵᠢᠯᠳᠡ ᠵᠢᠨ ᠬᠦᠭᠵᠢᠯᠳᠠ ᠵᠢᠨ ᠲᠦᠯᠦᠪᠵᠢᠭᠦᠯᠭᠡ》 ᠵᠢ ᠲᠤᠤᠱᠯᠠᠭᠤᠯᠤᠨ ᠬᠡᠷᠡᠭᠵᠢᠬᠦᠯᠵᠦ᠂ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠠᠴᠠ ᠬᠡᠮᠵᠢᠯᠳᠡ ᠵᠢᠨ ᠠᠵᠢᠯ᠎ᠢ 《ᠠᠷᠪᠠᠨ ᠭᠤᠷᠪᠠ ᠲᠠᠪᠤ》 ᠵᠢᠨ ᠲᠦᠯᠦᠪᠵᠢᠭᠦᠯᠬᠡ᠎ᠳᠤ ᠤᠷᠤᠭᠤᠯᠤᠭᠰᠠᠨ ᠠᠵᠠ᠎ᠲᠠᠢ ᠲᠤᠬᠢᠶᠠᠯ᠎ᠢ ᠵᠠᠪᠳᠤᠵᠦ᠂ ᠶᠡᠷᠦᠩᠬᠡᠢ᠌ᠯᠡᠨ ᠲᠦᠯᠦᠪᠵᠢᠭᠦᠯᠵᠦ᠂ ᠰᠢᠨᠵᠢᠯᠠᠬᠦ ᠤᠬᠠᠭ᠋ᠠᠨᠴᠢ᠎ᠪᠠᠷ ᠪᠠᠢ᠌ᠷᠢᠯᠠᠭᠤᠯᠵᠦ᠂ ᠬᠡᠮᠵᠢᠯᠳᠡ ᠵᠢᠨ ᠠᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠦᠨ ᠲᠡᠰ ᠦᠰᠭᠡᠬᠦ ᠵᠢ ᠠᠬᠢᠭᠤᠯᠤᠨ᠎ᠠ᠃ 《ᠤᠯᠤᠰ᠎ᠤᠨ ᠡᠨ᠋ᠸᠷᠬᠢ ᠠᠷᠪᠢᠯᠠᠬᠤ ᠳᠤᠤᠷ᠎ᠠ ᠨᠡᠭᠦᠷᠡᠰᠤᠳᠦ᠋ᠷᠦᠭᠴᠢ ᠠᠵᠢᠯᠯᠠᠭ᠎ᠠ ᠵᠢᠨ ᠲᠦᠮᠡᠨ ᠠᠵᠦ ᠠᠵᠦ ᠠᠬᠤᠢ᠌ᠯᠠᠯ᠎ᠤᠨ ᠨᠡᠷᠡᠰ》᠎ᠤᠨ ᠳᠤᠳᠤᠷᠠᠬᠢ ᠮᠠᠨ᠎ᠤ ᠤᠷᠤᠨ᠎ᠤ ᠭᠤᠤᠯᠳᠠᠯᠭ᠎ᠠ᠎ᠲᠠᠢ ᠡᠨ᠋ᠸᠷᠬᠢ ᠬᠡᠷᠡᠭᠯᠡᠬᠦ 697 ᠨᠢᠭᠡᠴᠡ ᠵᠢᠨ ᠡᠨ᠋ᠸᠷᠬᠢ ᠵᠢᠨ ᠬᠡᠮᠵᠢᠯᠳᠠ ᠵᠢ ᠬᠢᠨᠠᠨ ᠪᠠᠢ᠌ᠴᠠᠭ᠋ᠠᠵᠦ᠂ ᠡᠨ᠋ᠸᠷᠬᠢ ᠵᠢᠨ ᠬᠡᠮᠵᠢᠯᠳᠡ ᠵᠢ ᠴᠠᠭ ᠦᠷᠭᠦᠯᠵᠢ ᠬᠢᠨᠠᠨ ᠬᠡᠮᠵᠢᠬᠦ ᠰᠢᠰᠲᠸᠮ᠎ᠢ ᠳᠡᠭᠦᠯᠳᠡᠷᠵᠢᠭᠦᠯᠵᠦ᠂ ᠬᠡᠮᠵᠢᠯᠳᠡ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠰᠠᠭᠤᠷᠢᠨ ᠭᠠᠵᠠᠷ ᠤᠨ ᠪᠦᠳᠤᠭᠡᠨ ᠪᠠᠢ᠌ᠭᠤᠯᠤᠯᠳᠠ ᠵᠢ ᠲᠦᠷᠭᠡᠳᠭᠡᠵᠦ᠂ ᠤᠯᠤᠰ᠎ᠤᠨ ᠬᠤᠳᠠ ᠵᠢᠨ ᠡᠨ᠋ᠸᠷᠬᠢ ᠵᠢᠨ ᠬᠡᠮᠵᠢᠯᠳᠠ ᠵᠢᠨ ᠲᠦᠪ᠎ᠤᠨ ᠤᠯᠤᠰ᠎ᠤᠨ ᠰᠢᠯᠭ᠋ᠠᠨ ᠬᠤᠷᠢᠶᠠᠯᠳᠠ᠎ᠳᠤ ᠬᠢᠷᠢ᠎ᠳᠤ ᠳᠡᠩᠴᠡᠭᠦᠯᠬᠦ᠎ᠪᠠᠷ ᠴᠢᠷᠮᠠᠢ᠌ᠨ᠎ᠠ᠃ ᠭᠤᠷᠪᠠ᠎ᠳᠤ᠂ ᠵᠦᠪᠰᠢᠶᠡᠷᠡᠬᠦ ᠬᠡᠷᠡᠴᠢᠯᠡᠬᠦ ᠵᠢᠨ ᠬᠦᠭᠦᠷᠭᠡ ᠵᠢᠨ ᠦᠢ᠍ᠯᠡᠳᠤᠯ᠎ᠢ ᠴᠢᠩᠭ᠋ᠠᠳᠬᠠᠨ᠎ᠠ᠃ ᠮᠠᠨ᠎ᠤ ᠤᠷᠤᠨ᠎ᠤ ᠳᠤᠤᠷ᠎ᠠ ᠨᠡᠭᠦᠷᠡᠰᠤᠳᠦ᠋ᠷᠦᠭᠴᠢ ᠦᠢ᠍ᠯᠡᠳᠭᠦᠨ᠎ᠢ ᠦᠨᠡᠯᠡᠨ ᠵᠦᠪᠰᠢᠶᠡᠷᠡᠬᠦ ᠪᠠ ᠡᠨ᠋ᠸᠷᠬᠢ ᠵᠢᠨ ᠬᠠᠮᠢᠶᠠᠷᠤᠯᠳᠠ ᠵᠢᠨ ᠰᠢᠰᠲᠸᠮ᠎ᠢ ᠬᠡᠷᠡᠴᠢᠯᠡᠬᠦ ᠠᠵᠢᠯ᠎ᠢ ᠭᠤᠤᠯᠳᠠᠯᠭ᠎ᠠ᠎ᠲᠠᠢ ᠠᠬᠢᠭᠤᠯᠵᠦ᠂ ᠳᠤᠮᠳᠠ ᠵᠢᠵᠢᠭ ᠠᠵᠦ ᠠᠬᠤᠢ᠌ᠯᠠᠯ᠎ᠤᠨ ᠬᠠᠮᠢᠶᠠᠷᠤᠯᠳᠠ ᠵᠢᠨ ᠰᠢᠰᠲᠸᠮ ᠬᠢᠭᠡᠳ ᠦᠢ᠍ᠯᠡᠳᠭᠦᠨ᠎ᠤ ᠬᠡᠷᠡᠴᠢᠯᠡᠯᠳᠡᠲᠠᠬᠢ ᠬᠢᠨᠠᠯᠳᠠ ᠬᠠᠮᠢᠶᠠᠷᠤᠯᠳᠠ ᠵᠢ ᠴᠢᠩᠭ᠋ᠠᠳᠬᠠᠵᠦ᠂ ᠤᠯᠤᠰ᠎ᠤᠨ ᠲᠡᠰ᠎ᠤᠨ ᠤᠷᠭ᠋ᠠᠨᠢᠭ ᠦᠢ᠍ᠯᠡᠳᠭᠦᠨ᠎ᠢ ᠵᠦᠪᠰᠢᠶᠡᠷᠡᠬᠦ ᠵᠢᠱ᠌ᠢᠶ᠎ᠡ ᠦᠵᠡᠭᠦᠯᠬᠦ ᠨᠢᠭᠡ ᠪᠦᠯᠦᠭ ᠲᠦᠷᠦᠯ ᠵᠦᠢ᠍ᠯ᠎ᠢ ᠪᠤᠢ᠌ᠵᠢᠭᠤᠯᠤᠨ ᠲᠠᠨᠢᠯᠴᠠᠭᠤᠯᠵᠦ᠂ ᠦᠪᠤᠷ ᠮᠤᠩᠭᠤᠯ᠎ᠤᠨ ᠳᠡᠮᠳᠡᠭᠳᠤ ᠵᠢᠨ ᠨᠢᠭᠡ ᠪᠦᠯᠦᠭ ᠲᠤᠷᠰᠢᠯᠳᠠ ᠵᠢᠨ ᠭᠡᠷ ᠪᠤᠯᠤᠨ ᠰᠠᠢ᠌ᠨ ᠰᠠᠢ᠌ᠬᠠᠨ ᠠᠵᠢᠯᠯᠠᠭ᠎ᠠ ᠪᠦᠬᠦᠢ ᠲᠤᠷᠰᠢᠯᠳᠠ ᠵᠢᠨ ᠭᠡᠷ᠎ᠢ ᠬᠦᠴᠤ ᠳᠠᠯᠪᠢᠨ ᠪᠤᠢ᠌ᠵᠢᠭᠤᠯᠤᠨ᠎ᠠ᠃ ᠲᠦᠷᠪᠡ᠎ᠳᠤ ᠰᠢᠯᠭ᠋ᠠᠨ ᠪᠠᠢ᠌ᠴᠠᠭ᠋ᠠᠵᠦ ᠰᠢᠯᠭ᠋ᠠᠨ ᠬᠡᠮᠵᠢᠬᠦ ᠦᠢ᠍ᠯᠡᠳᠤᠯ᠎ᠢ ᠴᠢᠩᠭ᠋ᠠᠳᠬᠠᠨ᠎ᠠ᠃ ᠤᠷᠤᠨ᠎ᠤ ᠲᠤᠪᠴᠢᠶ᠎ᠠ ᠵᠢᠨ ᠶᠠᠰᠤ ᠴᠢᠨᠠᠷ᠎ᠲᠤ ᠬᠢᠨᠠᠯᠳᠠ ᠳᠠᠯᠪᠢᠬᠤ ᠰᠢᠭᠤᠳ ᠬᠠᠷᠢᠶ᠎ᠠ ᠪᠠᠢ᠌ᠭᠤᠯᠤᠮᠵᠢ ᠵᠢ ᠨᠡᠢ᠌ᠯᠡᠭᠦᠯᠵᠦ᠂ ᠤᠨᠴᠠ ᠪᠠᠢ᠌ᠴᠠᠭ᠋ᠠᠯᠳᠠ ᠵᠢᠨ ᠪᠠᠢ᠌ᠭᠤᠯᠤᠮᠵᠢ ᠵᠢ ᠪᠦᠯᠦᠭᠴᠢᠯᠡᠬᠦ ᠦᠭᠡᠷᠡᠴᠢᠯᠡᠯᠳᠡ ᠵᠢ ᠲᠦᠯᠦᠪᠯᠡᠭᠡ ᠶᠤᠰᠤᠭ᠋ᠠᠷ ᠬᠡᠷᠡᠭᠵᠢᠭᠦᠯᠵᠦ᠂ ᠠᠢ᠌ᠮᠠᠭ ᠬᠤᠳᠠ᠂ ᠬᠤᠰᠢᠭᠤ ᠰᠢᠶᠠᠨ᠎ᠤ ᠶᠠᠰᠤ ᠴᠢᠨᠠᠷ᠎ᠲᠤ ᠬᠢᠨᠠᠯᠳᠠ ᠳᠠᠯᠪᠢᠬᠤ ᠰᠠᠯᠠᠭ᠎ᠠ ᠮᠦᠴᠢᠷ᠎ᠤᠨ ᠰᠢᠯᠭ᠋ᠠᠨ ᠪᠠᠢ᠌ᠴᠠᠭ᠋ᠠᠬᠤ ᠰᠢᠯᠭ᠋ᠠᠨ ᠬᠡᠮᠵᠢᠬᠦ ᠪᠠᠢ᠌ᠭᠤᠯᠤᠮᠵᠢ ᠵᠢ ᠨᠡᠢ᠌ᠯᠡᠭᠦᠯᠬᠦ ᠵᠢ ᠢᠳᠡᠪᠬᠢᠲᠠᠢ ᠰᠦᠪᠡᠭᠴᠢᠯᠡᠨ᠎ᠠ᠃ ᠡᠯ᠎ᠡ ᠱᠠᠳᠤ ᠡᠯ᠎ᠡ ᠲᠦᠷᠦᠯ᠎ᠤᠨ ᠶᠠᠰᠤ ᠴᠢᠨᠠᠷ᠎ᠲᠤ ᠬᠢᠨᠠᠯᠳᠠ ᠲᠠᠯᠪᠢᠬᠤ ᠪᠠᠢ᠌ᠭᠤᠯᠤᠮᠵᠢ ᠵᠢᠨ ᠮᠡᠷᠭᠡᠵᠢᠯ᠎ᠤᠨ ᠬᠤᠯᠪᠤᠭ᠋ᠠᠯᠠᠯ ᠪᠠᠢ᠌ᠭᠤᠯᠬᠤ ᠵᠢ ᠠᠬᠢᠭᠤᠯᠵᠦ᠂ ᠲᠦᠬᠦᠭᠡᠷᠦᠮᠵᠢ᠂ ᠴᠢᠳᠠᠪᠤᠷᠢᠳᠠᠨ᠂ ᠮᠡᠳᠡᠭᠡ ᠵᠠᠩᠬᠢ ᠵᠢ ᠲᠦᠪᠯᠡᠷᠡᠬᠦᠯᠬᠦ ᠪᠠ ᠬᠠᠮᠳᠤ᠎ᠪᠠᠷ ᠬᠦᠷᠳᠡᠬᠦ ᠪᠤᠯᠭ᠋ᠠᠵᠦ᠂ ᠰᠢᠯᠭ᠋ᠠᠨ ᠪᠠᠢ᠌ᠴᠠᠭ᠋ᠠᠬᠤ ᠰᠢᠯᠭ᠋ᠠᠨ ᠬᠡᠮᠵᠢᠬᠦ ᠤᠯᠠᠨ ᠨᠡᠢ᠌ᠳᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠪᠠᠢ᠌ᠭᠤᠯᠤᠯᠳᠠ ᠵᠢ ᠬᠦᠴᠤᠲᠠᠢ ᠠᠬᠢᠭᠤᠯᠤᠨ᠎ᠠ᠃ 2-3 ᠵᠢᠯ᠎ᠤᠨ ᠴᠢᠷᠮᠠᠢ᠌ᠯᠭ᠎ᠠ᠎ᠪᠠᠷ ᠲᠠᠮᠵᠢᠭᠤᠯᠤᠨ᠂ ᠮᠠᠨ᠎ᠤ ᠤᠷᠤᠨ᠎ᠤ ᠶᠠᠰᠤ ᠴᠢᠨᠠᠷ᠎ᠲᠤ ᠬᠢᠨᠠᠯᠳᠠ ᠳᠠᠯᠪᠢᠬᠤ ᠪᠠᠢ᠌ᠭᠤᠯᠤᠮᠵᠢ ᠪᠤᠯᠤᠨ ᠰᠢᠯᠭ᠋ᠠᠨ ᠪᠠᠢ᠌ᠴᠠᠭ᠋ᠠᠬᠤ ᠰᠢᠯᠭ᠋ᠠᠨ ᠬᠡᠮᠵᠢᠬᠦ ᠰᠢᠨ᠎ᠡ ᠬᠡᠯᠪᠡᠷᠢ ᠵᠢᠨ ᠠᠵᠦ ᠦᠢ᠍ᠯᠡᠰ᠎ᠢ ᠲᠦᠷᠭᠡᠨ ᠪᠠᠢ᠌ᠭᠤᠯᠤᠨ ᠬᠦᠴᠤᠷᠬᠡᠭᠵᠢᠬᠦᠯᠬᠦ᠎ᠪᠠᠷ ᠴᠢᠷᠮᠠᠢ᠌ᠨ᠎ᠠ᠃ ᠲᠠᠪᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠳᠤᠯᠤᠨ ᠳᠠᠭ᠋ᠠᠭᠤᠯᠬᠤ ᠦᠢ᠍ᠯᠡᠳᠤᠯ᠎ᠢ ᠴᠢᠩᠭ᠋ᠠᠳᠬᠠᠨ᠎ᠠ᠃ ᠡᠷᠳᠡᠮ ᠰᠢᠨᠵᠢᠯᠡᠭᠡᠨ᠎ᠤ ᠳᠠᠭ᠋ᠠᠭᠤᠯᠤᠭᠴᠢ ᠵᠢ ᠪᠤᠢ᠌ᠵᠢᠭᠤᠯᠬᠤ ᠰᠢᠯᠢᠨ ᠬᠡᠷᠡᠭᠯᠡᠬᠦ ᠡᠷᠴᠢᠮ᠎ᠢ ᠴᠢᠩᠭ᠋ᠠᠷᠠᠭᠤᠯᠵᠦ᠂ ᠶᠠᠰᠤ ᠴᠢᠨᠠᠷ᠎ᠲᠤ ᠬᠢᠨᠠᠯᠳᠠ ᠳᠠᠯᠪᠢᠬᠤ ᠰᠢᠨᠵᠢᠯᠡᠭᠡᠨ᠎ᠤ ᠬᠦᠭᠵᠢᠭᠦᠯᠦᠯᠳᠡ ᠵᠢᠨ ᠲᠦᠯᠦᠪᠵᠢᠭᠦᠯᠬᠡ ᠵᠢ ᠰᠢᠨᠵᠢᠯᠡᠬᠦ ᠤᠬᠠᠭ᠋ᠠᠨᠴᠢ᠎ᠪᠠᠷ ᠲᠤᠭᠳᠠᠭ᠋ᠠᠵᠦ᠂ ᠦᠪᠤᠷ ᠮᠤᠩᠭᠤᠯ᠎ᠤᠨ ᠤᠨᠴᠠᠯᠢᠭ ᠪᠦᠬᠦᠢ ᠶᠠᠰᠤ ᠴᠢᠨᠠᠷ᠎ᠤᠨ ᠪᠠᠢ᠌ᠴᠠᠭ᠋ᠠᠯᠳᠠ ᠵᠢᠨ ᠮᠡᠷᠭᠡᠵᠢᠯ᠎ᠤᠨ ᠰᠢᠰᠲᠸᠮ᠎ᠢ ᠪᠠᠢ᠌ᠭᠤᠯᠤᠨ ᠳᠡᠭᠦᠯᠳᠡᠷᠵᠢᠭᠦᠯᠦᠨ᠎ᠠ᠃ ᠰᠢᠯᠭ᠋ᠠᠨ ᠪᠠᠢ᠌ᠴᠠᠭ᠋ᠠᠬᠤ ᠰᠢᠯᠭ᠋ᠠᠨ ᠬᠡᠮᠵᠢᠬᠦ ᠪᠠᠢ᠌ᠭᠤᠯᠤᠮᠵᠢ ᠵᠢᠨ ᠤᠨ᠎ᠤ ᠬᠢᠨᠠᠨ ᠰᠢᠯᠭ᠋ᠠᠯᠳᠠ᠎ᠳᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠤᠪᠢ ᠵᠢᠨ ᠵᠢᠩ ᠪᠠ ᠮᠡᠭᠡᠵᠢᠯᠳᠡᠳᠤᠨ ᠬᠤᠪᠢ ᠬᠦᠮᠤᠨ᠎ᠤ ᠰᠢᠯᠢᠳᠡᠭ᠎ᠢ ᠰᠢᠯᠭ᠋ᠠᠷᠠᠭᠤᠯᠬᠤ᠎ᠳᠤ ᠰᠢᠨᠵᠢᠯᠡᠬᠦ ᠤᠬᠠᠭ᠋ᠠᠨ᠎ᠤ ᠦᠷ᠎ᠡ ᠪᠦᠳᠤᠭᠡᠯ᠎ᠤᠨ ᠬᠤᠪᠢ ᠵᠢᠨ ᠵᠢᠩ᠎ᠢ ᠲᠡᠭᠡᠭᠰᠢᠯᠡᠭᠦᠯᠵᠦ᠂ ᠱᠠᠩᠨᠠᠯ ᠬᠦᠷᠳᠡᠭᠰᠡᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠳᠠᠳ᠎ᠤᠨ ᠤᠯᠭᠤᠮᠵᠢ ᠵᠢ ᠦᠰᠭᠡᠵᠦ᠂ ᠤᠯᠤᠰ ᠪᠠ ᠦᠪᠡᠷᠳᠡᠭᠡᠨ ᠵᠠᠰᠠᠬᠤ ᠤᠷᠤᠨ᠎ᠤ ᠱᠠᠩᠨᠠᠯ ᠬᠦᠷᠳᠡᠭᠰᠠᠨ ᠰᠢᠨᠵᠢᠯᠡᠬᠦ ᠤᠬᠠᠭ᠋ᠠᠨ᠎ᠤ ᠦᠷ᠎ᠡ ᠪᠦᠳᠤᠭᠡᠯ᠎ᠢ ᠬᠦᠨᠳᠤ᠎ᠪᠠᠷ ᠱᠠᠩᠨᠠᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠠᠯᠠᠭ᠎ᠠ ᠮᠦᠴᠢᠷ᠎ᠯᠦᠭᠡ ᠬᠠᠷᠢᠯᠴᠠᠨ ᠨᠡᠪᠳᠡᠷᠡᠯᠴᠡᠬᠦ ᠵᠢ ᠨᠡᠮᠡᠭᠳᠡᠭᠦᠯᠵᠦ᠂ ᠶᠠᠰᠤ ᠴᠢᠨᠠᠷ᠎ᠲᠤ ᠬᠢᠨᠠᠯᠳᠠ ᠳᠠᠯᠪᠢᠬᠤ ᠰᠠᠯᠠᠭ᠎ᠠ ᠮᠦᠴᠢᠷ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠦᠷᠦᠯ ᠵᠦᠢ᠍ᠯ᠎ᠢ ᠦᠪᠡᠷᠳᠡᠭᠡᠨ ᠵᠠᠰᠠᠬᠤ ᠤᠷᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠯᠦᠪᠵᠢᠭᠦᠯᠬᠡ᠎ᠳᠤ ᠤᠷᠤᠭᠤᠯᠵᠦ᠂ ᠤᠷᠤᠨ᠎ᠤ ᠲᠤᠪᠴᠢᠶ᠎ᠠ ᠵᠢᠨ ᠰᠢᠭᠤᠳ ᠬᠠᠷᠢᠶ᠎ᠠ ᠰᠤᠳᠤᠯᠭ᠋ᠠᠨ᠎ᠤ ᠲᠦᠷᠦᠯ᠎ᠤᠨ ᠰᠢᠯᠭ᠋ᠠᠨ ᠪᠠᠢ᠌ᠴᠠᠭ᠋ᠠᠬᠤ ᠰᠢᠯᠭ᠋ᠠᠨ ᠬᠡᠮᠵᠢᠬᠦ ᠪᠠᠢ᠌ᠭᠤᠯᠤᠮᠵᠢ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠂ ᠰᠢᠯᠭ᠋ᠠᠨ ᠬᠡᠮᠵᠢᠯᠳᠡ ᠵᠢᠨ 《ᠬᠤᠤᠰ ᠬᠦᠷᠳᠤ》 ᠵᠢ ᠬᠦᠳᠡᠯᠭᠡᠵᠦ᠂ ᠰᠢᠨᠵᠢᠯᠡᠬᠦ ᠤᠬᠠᠭ᠋ᠠᠨ ᠰᠤᠳᠤᠯᠤᠯ᠎ᠤᠨ ᠲᠦᠷᠦᠯ ᠵᠦᠢ᠍ᠯ᠎ᠢ ᠲᠦᠯᠦᠪᠵᠢᠬᠦᠯᠬᠦ᠂ ᠲᠦᠷᠦᠯ ᠲᠤᠭᠳᠠᠭ᠋ᠠᠬᠤ᠂ ᠪᠤᠭᠤᠮᠳᠠ ᠰᠢᠪᠳᠤᠯᠬᠤ᠂ ᠰᠤᠳᠤᠯᠤᠨ ᠬᠦᠭᠵᠢᠭᠦᠯᠬᠦ ᠲᠠᠯ᠎ᠠ᠎ᠪᠠᠷ ᠡᠷᠴᠢᠮ ᠵᠶ᠋ᠡᠨ ᠴᠢᠩᠭ᠋ᠠᠯᠠᠵᠦ᠂ ᠪᠦᠳᠤᠮᠵᠢᠲᠠᠢ ᠠᠷᠭ᠎ᠠ ᠬᠡᠮᠵᠢᠶ᠎ᠡ ᠠᠪᠴᠤ ᠪᠠᠢ᠌ᠭ᠋ᠠᠳ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠦᠷ᠎ᠡ ᠪᠦᠳᠤᠭᠡᠯ ᠲᠠᠰᠤᠷᠠᠯᠳᠠ ᠦᠬᠡᠢ ᠴᠤᠯᠭᠤᠷᠠᠨ ᠭᠠᠷᠬᠤ ᠵᠢ ᠵᠤᠷᠢᠭᠵᠢᠭᠤᠯᠤᠨ᠎ᠠ᠃ ᠰᠢᠰᠲᠸᠮ᠎ᠤᠨ ᠳᠤᠳᠤᠭ᠋ᠠᠳᠤ᠎ᠳᠠᠭᠠᠨ ᠪᠢᠳᠡ ᠪᠡᠯᠡ ᠮᠦᠩᠬᠦᠨ᠎ᠤ ᠪᠠᠳᠤᠯᠠᠭ᠎ᠠ᠂ ᠴᠢᠳᠠᠪᠤᠷᠢᠳᠠᠨ᠎ᠤ ᠦᠰᠤᠯᠳᠠ ᠪᠤᠢ᠌ᠵᠢᠯᠳᠠ᠂ ᠮᠡᠷᠭᠡᠵᠢᠯ᠎ᠤᠨ ᠴᠤᠯᠠ ᠵᠢᠨ ᠲᠡᠪᠰᠢᠯᠳᠡ᠂ ᠺᠠᠳ᠋ᠷ ᠰᠢᠯᠢᠨ ᠰᠤᠩᠭᠤᠬᠤ᠂ ᠱᠠᠩᠨᠠᠨ ᠬᠦᠬᠢᠭᠦᠯᠬᠦ ᠵᠡᠷᠭᠡ ᠨᠢᠭᠡᠨ ᠪᠦᠷᠢᠨ ᠲᠦᠬᠦᠷ ᠲᠦᠷᠦ ᠵᠢᠨ ᠪᠤᠳᠤᠯᠭ᠎ᠠ ᠵᠢᠨ ᠤᠷᠮᠠᠰᠢᠭᠤᠯᠬᠤ ᠲᠤᠭᠳᠠᠴᠠ ᠵᠢ ᠲᠠᠷᠤᠢ᠌ᠬᠠᠨ ᠪᠠᠢ᠌ᠭᠤᠯᠤᠨ᠎ᠠ᠃ ᠮᠡᠳᠡᠭᠡ ᠵᠠᠩᠬᠢᠵᠢᠯᠳᠠ ᠵᠢᠨ ᠤᠷᠤᠭᠤᠯᠤᠯᠳᠠ ᠵᠢ ᠨᠡᠮᠡᠭᠳᠡᠭᠦᠯᠵᠦ᠂ ᠶᠠᠰᠤ ᠴᠢᠨᠠᠷ᠎ᠲᠤ ᠬᠢᠨᠠᠯᠳᠠ ᠳᠠᠯᠪᠢᠬᠤ ᠵᠢ ᠲᠤᠭ᠋ᠠᠴᠢᠯᠠᠬᠤ᠂ ᠰᠦᠯᠵᠢᠶᠡᠴᠢᠯᠡᠬᠦ᠂ ᠤᠶᠤᠨᠴᠢᠯᠠᠬᠤ ᠬᠢᠷᠢ ᠲᠦᠪᠰᠢᠨ ᠪᠠ ᠮᠡᠳᠡᠭᠡ ᠵᠠᠩᠬᠢ ᠵᠢᠨ ᠲᠤᠨᠤᠭᠯᠠᠯ᠎ᠤᠨ ᠬᠢᠷᠢ ᠲᠦᠪᠰᠢᠨ᠎ᠢ ᠴᠢᠷᠮᠠᠢ᠌ᠨ ᠳᠡᠭᠡᠭᠰᠢᠯᠡᠭᠦᠯᠵᠦ᠂ ᠲᠤᠬᠠᠢ᠌ᠯᠠᠭᠰᠠᠨ ᠠᠵᠢᠯ᠎ᠤᠨ ᠲᠠᠷᠬᠠᠢ ᠪᠤᠳᠠᠷᠬᠠᠢ ᠬᠠᠮᠢᠶᠠᠷᠤᠯᠳᠠ ᠵᠢᠨ ᠰᠢᠰᠲᠸᠮ᠎ᠢ ᠲᠦᠪᠯᠡᠷᠡᠬᠦᠯᠤᠨ ᠨᠡᠢ᠌ᠯᠡᠭᠦᠯᠵᠦ᠂ ᠶᠠᠰᠤ ᠴᠢᠨᠠᠷ᠎ᠲᠤ ᠬᠢᠨᠠᠯᠳᠠ ᠳᠠᠯᠪᠢᠬᠤ ᠲᠤᠮᠤ ᠲᠠᠪᠴᠠᠩ ᠪᠠ ᠲᠤᠭ᠎ᠠ ᠪᠠᠷᠢᠮᠳᠠ ᠵᠢᠨ ᠲᠤᠮᠤ ᠬᠦᠮᠤᠷᠭᠡ ᠪᠠᠢ᠌ᠭᠤᠯᠵᠦ᠂ ᠪᠦᠬᠦ ᠰᠢᠰᠲᠸᠮ᠎ᠤᠨ ᠮᠡᠳᠡᠭᠡ ᠵᠠᠩᠬᠢ ᠵᠢᠨ ᠡᠬᠢ ᠪᠠᠶᠠᠯᠢᠭ ᠤᠨ ᠨᠡᠢ᠌ᠯᠡᠯᠳᠡ ᠵᠢ ᠠᠬᠢᠭᠤᠯᠤᠨ᠎ᠠ᠃
[ᠭᠤᠤ ᠢᠩ ᠵᠢᠶᠸ] (ᠲᠦᠷᠪᠡ) ᠲᠤᠰ ᠪᠡᠶ᠎ᠡ ᠵᠢᠨ ᠪᠠᠢ᠌ᠭᠤᠯᠤᠯᠳᠠ᠎ᠪᠠᠨ ᠴᠢᠩᠭ᠋ᠠᠳᠬᠠᠨ᠎ᠠ᠃ ᠨᠢᠭᠡ᠎ᠳᠤ ᠤᠳᠤᠷᠢᠳᠬᠤ ᠪᠠᠭ᠎ᠤᠨ ᠪᠠᠢ᠌ᠭᠤᠯᠤᠯᠳᠠ ᠵᠢ ᠴᠢᠩᠭ᠋ᠠᠳᠬᠠᠨ᠎ᠠ᠃ ᠰᠢ ᠵᠢᠨ ᠫᠢᠩ ᠶᠡᠷᠦᠩᠬᠡᠢ ᠱᠦᠵᠢ ᠵᠢᠨ ᠠᠯᠢ ᠤᠯᠠᠨ ᠶᠠᠷᠢᠶ᠎ᠠ ᠵᠢ ᠬᠢᠨᠠᠮᠠᠭ᠋ᠠᠢ ᠰᠤᠷᠤᠯᠴᠠᠨ ᠲᠤᠤᠱᠯᠠᠭᠤᠯᠵᠦ᠂ ᠢᠳᠡᠭᠡᠯ ᠬᠦᠰᠡᠯ ᠵᠶ᠋ᠡᠨ ᠪᠠᠳᠤᠳᠬᠠᠵᠦ᠂ ᠨᠠᠮ᠎ᠤᠨ ᠰᠠᠬᠢᠯᠭ᠎ᠠ ᠪᠤᠯᠤᠨ ᠲᠦᠷᠢᠮ ᠵᠶ᠋ᠡᠷ ᠴᠢᠩᠭ᠎ᠠ ᠵᠢᠷᠤᠮᠯᠠᠨ ᠠᠵᠢᠯᠯᠠᠵᠦ᠂ ᠨᠠᠮ᠎ᠤᠨ ᠲᠤᠪ ᠬᠤᠷᠢᠶ᠎ᠠ᠎ᠯᠤᠭ᠎ᠠ ᠢᠮᠠᠭᠳᠠ ᠳᠡᠭᠡᠳᠤ ᠬᠡᠮᠵᠢᠶ᠎ᠡ᠎ᠪᠠᠷ ᠨᠢᠭᠡᠳᠤᠯᠲᠠᠢ ᠪᠠᠢ᠌ᠨ᠎ᠠ; ᠬᠦᠮᠤᠨ ᠰᠤᠩᠭᠤᠬᠤ ᠬᠦᠮᠤᠨ ᠬᠡᠷᠡᠭᠯᠡᠬᠦ ᠪᠤᠭᠤᠮᠳᠠ ᠵᠢ ᠴᠢᠩᠭ᠎ᠠ ᠰᠠᠬᠢᠵᠦ᠂ ᠰᠠᠨᠠᠭ᠋ᠠᠴᠢᠯᠠᠭ᠎ᠠ᠎ᠲᠠᠢ ᠨᠡᠷ᠎ᠡ ᠲᠤᠷᠠᠳᠬᠤ᠂ ᠬᠢᠨᠠᠨ ᠪᠠᠢ᠌ᠴᠠᠭ᠋ᠠᠵᠦ ᠬᠢᠨᠠᠨ ᠰᠢᠯᠭ᠋ᠠᠬᠤ᠂ ᠲᠡᠰ ᠳᠠᠷᠠᠭ᠎ᠠ ᠠᠯᠬᠤᠮ ᠳᠠᠷᠠᠭ᠎ᠠ ᠵᠡᠷᠭᠡ ᠭᠤᠷᠪᠠᠨ ᠪᠤᠭᠤᠮᠳᠠ ᠵᠢ ᠭᠤᠤᠯᠳᠠᠯᠭ᠎ᠠ᠎ᠲᠠᠢ ᠰᠠᠢ᠌ᠨ ᠰᠠᠬᠢᠵᠦ᠂ ᠺᠠᠳ᠋ᠷ᠎ᠤᠨ ᠳᠠᠩᠰᠠ ᠡᠪᠬᠢᠮᠡᠯ ᠪᠤᠯᠤᠨ ᠬᠤᠪᠢ ᠬᠦᠮᠤᠨ᠎ᠤ ᠬᠠᠮᠢᠶ᠎ᠠ ᠪᠦᠬᠦᠢ ᠶᠠᠪᠤᠳᠠᠯ᠎ᠢ ᠴᠢᠩᠭ᠎ᠠ ᠬᠢᠨᠠᠨ ᠪᠠᠢ᠌ᠴᠠᠭ᠋ᠠᠵᠦ᠂ ᠰᠢᠯᠢᠳᠡᠭ ᠪᠤᠰᠤ ᠬᠦᠮᠤᠰ᠎ᠢ ᠰᠤᠩᠭᠤᠨ ᠬᠡᠷᠡᠭᠯᠡᠬᠦ ᠵᠢ ᠰᠡᠷᠭᠡᠢ᠌ᠯᠡᠨ᠎ᠡ᠃ ᠬᠤᠶᠠᠷ᠎ᠲᠤ ᠴᠢᠳᠠᠪᠤᠷᠢᠳᠠᠨ᠎ᠤ ᠡᠩᠨᠡᠭᠡ ᠵᠢᠨ ᠪᠠᠢ᠌ᠭᠤᠯᠤᠯᠳᠠ ᠵᠢ ᠰᠠᠢ᠌ᠳᠤᠷ ᠠᠳᠬᠤᠨ᠎ᠠ᠃ ᠡᠨᠡ ᠵᠢᠯ᠎ᠠᠴᠠ ᠴᠢᠳᠠᠪᠤᠷᠢᠳᠠᠨ᠎ᠢ ᠬᠦᠮᠤᠵᠢᠬᠦᠯᠬᠦ 《ᠭᠤᠷᠪᠠᠨ ᠵᠢᠯ᠎ᠤᠨ ᠢᠨᠵᠸᠨ᠋ᠸᠷᠢᠩ》᠎ᠢ ᠡᠬᠢᠯᠡᠨ ᠬᠡᠷᠡᠭᠵᠢᠭᠦᠯᠵᠦ᠂ ᠨᠢᠭᠡ ᠪᠦᠯᠦᠭ ᠨᠡᠢ᠌ᠯᠡᠮᠡᠯ ᠬᠡᠯᠪᠡᠷᠢ ᠵᠢᠨ ᠴᠢᠳᠠᠪᠤᠷᠢᠳᠠᠨ᠂ ᠮᠡᠷᠭᠡᠵᠢᠯ᠎ᠤᠨ ᠲᠤᠰᠬᠠᠢ ᠮᠡᠷᠭᠡᠵᠢᠯᠳᠡᠨ ᠪᠤᠯᠤᠨ ᠰᠢᠨᠵᠢᠯᠡᠬᠦ ᠤᠬᠠᠭ᠋ᠠᠨ᠎ᠤ ᠳᠠᠭ᠋ᠠᠭᠤᠯᠤᠭᠴᠢ ᠬᠦᠴᠤᠨ᠎ᠢ ᠰᠤᠩᠭᠤᠨ ᠬᠦᠮᠤᠵᠢᠭᠦᠯᠵᠦ᠂ ᠵᠠᠯᠠᠭᠤ ᠢᠳᠡᠷ ᠨᠠᠰᠤᠨ᠎ᠤ ᠮᠡᠷᠭᠡᠵᠢᠯ᠎ᠤᠨ ᠴᠢᠳᠠᠪᠤᠷᠢᠳᠠᠨ ᠪᠤᠯᠤᠨ ᠡᠷᠳᠡᠮ ᠰᠢᠨᠵᠢᠯᠡᠭᠡᠨ᠎ᠤ ᠮᠡᠷᠭᠡᠵᠢᠯᠳᠡᠨ᠎ᠤ ᠬᠦᠮᠤᠷᠭᠡ ᠵᠢ ᠪᠠᠢ᠌ᠭᠤᠯᠤᠨ᠎ᠠ; ᠤᠷᠢᠨ ᠵᠠᠯᠠᠭᠰᠠᠨ ᠬᠦᠮᠤᠰ᠎ᠤᠨ ᠬᠠᠮᠢᠶᠠᠷᠤᠯᠳᠠ ᠵᠢ ᠴᠢᠬᠤᠯᠠᠴᠢᠯᠠᠵᠦ᠂ 《ᠠᠵᠢᠯ ᠦᠢ᠍ᠯᠡᠰ ᠵᠶ᠋ᠡᠷ ᠴᠢᠳᠠᠪᠤᠷᠢᠳᠠᠨ᠎ᠢ ᠦᠯᠡᠳᠡᠭᠡᠬᠦ᠂ ᠬᠠᠢ᠌ᠷ᠎ᠠ ᠰᠡᠤᠬᠡᠯᠭᠡᠪᠠᠷ ᠴᠢᠳᠠᠪᠤᠷᠢᠳᠠᠨ᠎ᠢ ᠦᠯᠡᠳᠡᠭᠡᠬᠦ᠂ ᠬᠦᠯᠤᠰᠤ ᠤᠯᠭᠤᠮᠵᠢ᠎ᠪᠠᠷ ᠴᠢᠳᠠᠪᠤᠷᠢᠳᠠᠨ᠎ᠢ ᠦᠯᠡᠳᠡᠭᠡᠬᠦ》 ᠬᠦᠭᠵᠢᠯᠳᠡ ᠵᠢᠨ ᠤᠷᠴᠢᠨ᠎ᠢ ᠪᠤᠢ ᠪᠤᠯᠭ᠋ᠠᠨ᠎ᠠ᠃ ᠭᠤᠷᠪᠠ᠎ᠳᠤ ᠨᠠᠮ᠎ᠤᠨ ᠰᠤᠷᠳᠠᠯ ᠴᠢᠬᠡᠴᠢ ᠵᠠᠰᠠᠭ᠎ᠤᠨ ᠪᠠᠢ᠌ᠭᠤᠯᠤᠯᠳᠠ ᠪᠤᠯᠤᠨ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠠᠬᠢᠭᠤᠯᠤᠨ᠎ᠠ᠃ ᠡᠯ᠎ᠡ ᠱᠠᠳᠤᠨ᠎ᠤ ᠨᠠᠮ᠎ᠤᠨ ᠵᠤᠬᠢᠶᠠᠨ ᠪᠠᠢ᠌ᠭᠤᠯᠤᠯᠳᠠ᠎ᠨᠤᠭᠤᠳ ᠲᠦᠪ᠎ᠤᠨ ᠰᠠᠬᠢᠯᠭ᠎ᠠ ᠪᠠᠳᠤ ᠪᠠᠢ᠌ᠴᠠᠭ᠋ᠠᠬᠤ ᠬᠤᠷᠢᠶ᠎ᠠ ᠵᠢᠨ ᠲᠠᠪᠤᠳᠤᠭ᠋ᠠᠷ ᠪᠦᠭᠦᠳᠠ ᠬᠤᠷᠠᠯᠳᠤᠭ᠋ᠠᠨ ᠪᠤᠯᠤᠨ ᠦᠪᠡᠷᠳᠡᠭᠡᠨ ᠵᠠᠰᠠᠬᠤ ᠤᠷᠤᠨ᠎ᠤ ᠰᠠᠬᠢᠯᠭ᠎ᠠ ᠪᠠᠳᠤ ᠪᠠᠢ᠌ᠴᠠᠭ᠋ᠠᠬᠤ ᠬᠤᠷᠢᠶ᠎ᠠ ᠵᠢᠨ ᠶᠢᠰᠤᠳᠤᠭᠡᠷ ᠬᠤᠭᠤᠴᠠᠭ᠋ᠠᠨ᠎ᠤ ᠵᠢᠷᠭᠤᠳᠤᠭ᠋ᠠᠷ ᠪᠦᠭᠦᠳᠠ ᠬᠤᠷᠠᠯᠳᠤᠭ᠋ᠠᠨ᠎ᠤ ᠵᠤᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ ᠲᠤᠤᠱᠯᠠᠭᠤᠯᠵᠦ᠂ ᠨᠠᠮ᠎ᠤᠨ ᠲᠦᠪ ᠬᠤᠷᠢᠶ᠎ᠠ ᠵᠢᠨ ᠨᠠᠮ᠎ᠤᠨ ᠰᠤᠷᠳᠠᠯ ᠴᠢᠬᠡᠴᠢ ᠵᠠᠰᠠᠭ᠎ᠤᠨ ᠪᠠᠢ᠌ᠭᠤᠯᠤᠯᠳᠠ ᠪᠤᠯᠤᠨ ᠢᠯᠵᠡᠷᠠᠯᠢ ᠡᠰᠡᠷᠭᠦᠴᠡᠬᠦ ᠲᠡᠮᠡᠴᠡᠯ᠎ᠤᠨ ᠪᠠᠢ᠌ᠳᠠᠯ᠎ᠤᠨ ᠮᠠᠭ᠋ᠠᠳᠯᠠᠯᠳᠠ ᠵᠢᠨ ᠲᠤᠬᠠᠢ ᠲᠠᠨᠢᠯᠳᠠ᠎ᠪᠠᠨ ᠲᠠᠰᠤᠷᠠᠯᠳᠠ ᠦᠬᠡᠢ ᠳᠡᠭᠡᠭᠰᠢᠯᠡᠭᠦᠯᠵᠦ᠂ ᠨᠠᠮ᠎ᠤᠨ ᠤᠯᠤᠰ ᠲᠦᠷᠦ ᠵᠢᠨ ᠰᠠᠬᠢᠯᠭ᠎ᠠ ᠪᠠᠳᠤ ᠪᠤᠯᠤᠨ ᠵᠤᠬᠢᠶᠠᠨ ᠪᠠᠢ᠌ᠭᠤᠯᠠᠯᠳᠠ ᠵᠢᠨ ᠰᠠᠬᠢᠯᠭ᠎ᠠ ᠪᠠᠳᠤ ᠵᠢᠨ ᠲᠤᠬᠠᠢ ᠲᠠᠨᠢᠯᠳᠠ ᠪᠠᠨ ᠳᠠᠰᠤᠷᠠᠯᠳᠠ ᠦᠬᠡᠢ ᠳᠡᠭᠡᠭᠰᠢᠯᠡᠭᠦᠯᠵᠦ᠂ ᠨᠠᠮ᠎ᠤᠨ ᠳᠤᠭᠤᠢ᠌ᠯᠠᠩ᠎ᠤᠨ ᠭᠤᠤᠯ ᠴᠤᠭᠴᠠ ᠵᠢᠨ ᠬᠠᠷᠢᠭᠤᠴᠠᠯᠭ᠎ᠠ ᠪᠤᠯᠤᠨ ᠪᠠᠢ᠌ᠭᠤᠯᠭ᠎ᠠ ᠵᠢᠨ ᠰᠠᠬᠢᠯᠭ᠎ᠠ ᠪᠠᠳᠤ ᠪᠠᠢ᠌ᠴᠠᠭ᠋ᠠᠬᠤ ᠬᠤᠷᠢᠶ᠎ᠠ ᠵᠢᠨ ᠬᠢᠨᠠᠯᠳᠠ ᠳᠠᠯᠪᠢᠬᠤ ᠬᠠᠷᠢᠭᠤᠴᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠦ᠂ ᠠᠵᠢᠯ᠎ᠤᠨ ᠰᠤᠷᠳᠠᠯ ᠵᠶ᠋ᠡᠨ ᠡᠷᠡᠰ ᠭᠤᠢ᠌ᠪᠠᠰᠢ ᠦᠬᠡᠢ ᠬᠤᠪᠢᠷᠠᠭᠤᠯᠵᠦ᠂ ᠢᠯᠵᠡᠷᠠᠯᠢ ᠡᠰᠡᠷᠭᠦᠴᠡᠬᠦ ᠬᠤᠷᠴᠠ ᠰᠡᠯᠡᠮ᠎ᠡ ᠵᠢ ᠦᠨᠳᠤᠷ ᠳᠠᠯᠠᠢ᠌ᠵᠦ᠂ ᠲᠦᠷᠢᠮ ᠳᠤᠭᠳᠠᠭ᠋ᠠᠯ ᠵᠶ᠋ᠡᠨ ᠪᠠᠳᠤᠳᠬᠠᠬᠤ ᠬᠡᠷᠡᠭᠲᠡᠢ; ᠤᠯᠠᠨ ᠲᠦᠮᠡᠨᠴᠢ ᠱᠤᠭᠤᠮ᠎ᠤᠨ ᠬᠦᠮᠤᠵᠢᠯ ᠦᠢ᠍ᠯᠡᠳᠤᠯᠭᠡ ᠵᠢᠨ ᠠᠵᠢᠯᠯᠠᠭ᠎ᠠ ᠵᠢᠨ ᠦᠷ᠎ᠡ ᠪᠦᠳᠦᠭᠡᠯ᠎ᠢ ᠪᠡᠬᠢᠵᠢᠭᠦᠯᠵᠦ᠂ ᠲᠦᠪ᠎ᠤᠨ ᠨᠠᠢ᠍ᠮᠠᠨ ᠵᠤᠷᠪᠤᠰ ᠳᠤᠭᠳᠠᠭ᠋ᠠᠯ᠎ᠢ ᠴᠢᠩᠭ᠎ᠠ ᠨᠠᠢ᠌ᠳᠠᠪᠤᠷᠢᠵᠢᠭᠤᠯᠵᠦ᠂ 《ᠲᠦᠷᠪᠡᠨ ᠰᠤᠷᠳᠠᠯ》᠎ᠤᠨ ᠠᠰᠠᠭᠤᠳᠠᠯ᠎ᠤᠨ ᠰᠢᠨ᠎ᠡ ᠬᠦᠳᠤᠯᠤᠯ ᠪᠠᠢ᠌ᠳᠠᠯ᠎ᠢ ᠨᠢᠭᠳᠠ ᠠᠵᠢᠭᠯᠡᠵᠦ᠂ ᠵᠠᠷᠯᠢᠭ ᠪᠠᠢ᠌ᠳᠠᠯ᠎ᠠ ᠬᠡᠷᠡᠭᠵᠢᠭᠦᠯᠬᠦ ᠦᠬᠡᠢ᠂ ᠴᠠᠭ᠋ᠠᠵᠠᠯᠠᠵᠦ ᠪᠠᠢ᠌ᠳᠠᠯ᠎ᠠ ᠵᠤᠭᠰᠤᠬᠤ ᠦᠬᠡᠢ᠂ ᠰᠠᠯᠬᠢ ᠰᠦᠷᠦᠨ ᠰᠦᠷᠭᠡᠤ ᠠᠭ᠋ᠠᠰᠢᠯᠠᠬᠤ ᠰᠠᠬᠢᠯᠭ᠎ᠠ ᠪᠠᠳᠤ᠎ᠠᠴᠠ ᠵᠦᠷᠢᠴᠡᠭᠰᠡᠨ ᠠᠵᠢᠯᠯᠠᠭ᠎ᠠ ᠵᠢ ᠡᠷᠡᠰ ᠵᠠᠯᠠᠷᠠᠭᠤᠯᠵᠦ᠂ ᠵᠠᠰᠠᠭ᠎ᠤᠨ ᠰᠤᠷᠳᠠᠯ ᠠᠵᠢᠯ ᠲᠦᠷᠦᠯ᠎ᠤᠨ ᠰᠤᠷᠳᠠᠯ᠎ᠢ ᠠᠬᠢᠭᠤᠯᠬᠤ ᠬᠡᠷᠡᠭᠲᠠᠢ᠃ ᠲᠦᠷᠪᠡ᠎ᠳᠤ ᠦᠨᠳᠤᠰᠤᠨ ᠱᠠᠳᠤᠨ᠎ᠤ ᠨᠠᠮ᠎ᠤᠨ ᠪᠠᠢ᠌ᠭᠤᠯᠤᠯᠳᠠ ᠵᠢᠨ ᠠᠵᠢᠯ᠎ᠢ ᠴᠢᠩᠭ᠋ᠠᠳᠬᠠᠨ᠎ᠠ᠃ ᠦᠨᠳᠤᠰᠤᠨ ᠱᠠᠳᠤᠨ᠎ᠤ ᠰᠤᠷᠤᠯᠴᠠᠬᠤ ᠬᠡᠯᠪᠡᠷᠢ᠂ ᠦᠢ᠍ᠯᠡᠴᠢᠯᠡᠬᠦ ᠬᠡᠯᠪᠡᠷᠢ ᠵᠢᠨ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠪᠠᠢ᠌ᠭᠤᠯᠤᠯᠳᠠ ᠵᠢ ᠴᠢᠩᠭ᠋ᠠᠳᠬᠠᠵᠦ᠂ ᠤᠯᠠᠨ ᠲᠦᠮᠡᠨ᠎ᠳᠤ ᠦᠢ᠍ᠯᠡᠴᠢᠯᠡᠬᠦ᠂ ᠤᠯᠠᠨ ᠲᠦᠮᠡᠨ᠎ᠳᠤ ᠠᠵᠢᠯ ᠬᠢᠵᠦ ᠦᠭᠬᠦ᠎ᠪᠠᠷ ᠭᠤᠤᠯ ᠡᠭᠦᠷᠭᠡ᠎ᠪᠠᠨ ᠪᠤᠯᠭ᠋ᠠᠵᠦ᠂ ᠦᠬᠡᠷᠡᠴᠢᠯᠡᠯᠳᠠ ᠬᠢᠵᠦ ᠰᠢᠨ᠎ᠡ ᠵᠢ ᠡᠭᠦᠳᠬᠦ᠎ᠪᠠᠷ ᠬᠦᠳᠡᠯᠭᠡᠬᠦ ᠬᠦᠴᠤᠨ ᠪᠤᠯᠭ᠋ᠠᠵᠦ᠂ ᠤᠯᠠᠨ ᠲᠦᠮᠡᠨ᠎ᠳᠤ ᠳᠠᠭ᠋ᠠᠰᠢᠶᠠᠭᠳᠠᠬᠤᠪᠠᠷ ᠪᠠᠷᠢᠮᠵᠢᠶ᠎ᠠ ᠪᠤᠯᠭ᠋ᠠᠵᠦ᠂ ᠦᠬᠡᠷᠡᠴᠢᠯᠡᠯᠳᠠ᠎ᠳᠤ ᠦᠢ᠍ᠯᠡᠴᠢᠯᠡᠬᠦ᠂ ᠬᠦᠭᠵᠢᠯᠳᠠ᠎ᠳᠤ ᠦᠢ᠍ᠯᠡᠴᠢᠯᠡᠬᠦ᠂ ᠠᠷᠠᠳ᠎ᠤᠨ ᠠᠮᠢᠳᠤᠷᠠᠯ᠎ᠳᠤ ᠦᠢ᠍ᠯᠡᠴᠢᠯᠡᠬᠦ᠂ ᠤᠯᠠᠨ ᠲᠦᠮᠡᠨ᠎ᠳᠤ ᠦᠢ᠍ᠯᠡᠴᠢᠯᠴᠬᠦ᠂ ᠨᠠᠮ᠎ᠤᠨ ᠬᠡᠰᠢᠭᠦᠳ᠎ᠲᠤ ᠦᠢ᠍ᠯᠡᠴᠢᠯᠡᠬᠦ ᠵᠢ ᠦᠨᠡᠨᠬᠦ ᠭᠦᠢ᠍ᠴᠡᠳᠭᠡᠨ᠎ᠡ; ᠨᠠᠮ᠎ᠤᠨ ᠪᠠᠢ᠌ᠭᠤᠯᠤᠯᠳᠠ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠨᠠᠢ᠌ᠳᠠᠪᠤᠷᠢᠵᠢᠭᠤᠯᠵᠦ᠂ ᠡᠯ᠎ᠡ ᠱᠠᠳᠤᠨ᠎ᠤ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠬᠠᠷᠢᠭᠤᠴᠠᠯᠭ᠋ᠠᠳᠠᠳ ᠨᠠᠮ᠎ᠤᠨ ᠪᠠᠢ᠌ᠭᠤᠯᠤᠯᠳᠠ ᠵᠢ ᠠᠳᠬᠤᠬᠤ ᠲᠡᠷᠢᠬᠦᠨ ᠬᠠᠷᠢᠭᠤᠴᠠᠯᠭ᠎ᠠ ᠵᠢ ᠦᠨᠡᠨᠬᠦ ᠡᠭᠦᠷᠭᠡᠯᠡᠵᠦ᠂ ᠲᠤᠰᠢᠶᠠᠯ᠎ᠤᠨ ᠮᠡᠳᠡᠭᠦᠯᠤᠯᠳᠡ ᠵᠢᠨ ᠬᠢᠨᠠᠨ ᠲᠤᠭᠳᠠᠭ᠋ᠠᠬᠤ ᠲᠤᠭᠳᠠᠴᠠ᠂ ᠨᠠᠮ᠎ᠤᠨ ᠪᠠᠢ᠌ᠭᠤᠯᠤᠯᠳᠠ ᠵᠢᠨ ᠠᠵᠢᠯ᠎ᠤᠨ ᠬᠠᠷᠢᠭᠤᠴᠠᠯᠭ᠎ᠠ ᠠᠰᠠᠭᠤᠬᠤ ᠲᠦᠷᠢᠮ᠎ᠢ ᠳᠡᠭᠦᠯᠳᠡᠷᠵᠢᠭᠦᠯᠬᠦ᠎ᠪᠠᠷ ᠲᠠᠮᠵᠢᠭᠤᠯᠤᠨ᠂ ᠨᠠᠮ᠎ᠢ ᠴᠢᠩᠭ᠎ᠠ ᠵᠠᠰᠠᠬᠤ ᠵᠢ ᠦᠨᠡᠨ ᠪᠤᠳᠠᠲᠠᠢ ᠨᠠᠢ᠌ᠳᠠᠪᠤᠷᠢᠵᠢᠭᠤᠯᠬᠤ ᠬᠡᠷᠡᠭᠲᠠᠢ᠂ ᠲᠠᠪᠤ᠎ᠳᠤ ᠳᠤᠳᠤᠭ᠋ᠠᠳᠤ ᠵᠢᠨ ᠬᠢᠨᠠᠨ ᠪᠤᠳᠤᠬᠤ ᠵᠢ ᠴᠢᠩᠭ᠋ᠠᠳᠬᠠᠨ᠎ᠠ᠃ ᠲᠤᠰᠢᠶᠠᠯ᠎ᠠᠴᠠ᠎ᠪᠠᠨ ᠰᠠᠯᠬᠤ ᠵᠢᠨ ᠬᠢᠨᠠᠨ ᠪᠤᠳᠤᠯᠳᠠ᠂ ᠲᠤᠰᠢᠶᠠᠯ ᠡᠭᠦᠷᠭᠡᠯᠡᠵᠦ ᠪᠠᠢ᠌ᠬᠤ ᠵᠢᠨ ᠬᠢᠨᠠᠨ ᠪᠤᠳᠤᠯᠳᠠ ᠪᠤᠯᠤᠨ ᠲᠤᠰᠬᠠᠢ ᠲᠦᠷᠦᠯ᠎ᠤᠨ ᠬᠢᠨᠠᠨ ᠪᠤᠳᠤᠯᠳᠠ ᠵᠢ ᠴᠢᠩᠭ᠋ᠠᠳᠬᠠᠵᠦ᠂ 《ᠨᠢᠭᠡ ᠬᠢᠨᠠᠨ ᠳᠠᠪᠬᠤᠷ ᠪᠠᠢ᠌ᠴᠠᠭ᠋ᠠᠬᠤ》 ᠵᠢ ᠬᠦᠨᠵᠡᠭᠡᠢ᠌ᠷᠡᠬᠦᠯᠵᠦ᠂ ᠦᠨᠳᠤᠰᠤᠨ ᠪᠦᠳᠤᠭᠡᠨ ᠪᠠᠢ᠌ᠭᠤᠯᠤᠯᠳᠠ ᠵᠢᠨ ᠲᠦᠷᠦᠯ ᠵᠦᠢ᠍ᠯ᠂ ᠲᠤᠮᠤ ᠲᠤᠭ᠋ᠠᠨ᠎ᠤ ᠪᠡᠯᠡ ᠮᠦᠩᠬᠦ ᠵᠢᠨ ᠵᠠᠷᠤᠴᠠᠭᠤᠯᠤᠯᠳᠠ ᠵᠡᠷᠭᠡ ᠠᠵᠦ ᠠᠬᠤᠢ ᠵᠢᠨ ᠬᠠᠷᠢᠭᠤᠴᠠᠯᠭ᠎ᠠ ᠵᠢ ᠬᠢᠨᠠᠨ ᠪᠤᠳᠤᠬᠤ ᠵᠢ ᠴᠢᠩᠭ᠋ᠠᠳᠬᠠᠨ᠎ᠠ᠃ ᠲᠤᠭᠳᠠᠮᠠᠯ ᠬᠦᠷᠦᠩᠬᠡ ᠵᠢᠨ ᠬᠠᠮᠢᠶᠠᠷᠤᠯᠳᠠ ᠵᠢ ᠴᠢᠩᠭ᠋ᠠᠳᠬᠠᠵᠦ᠂ ᠤᠯᠤᠰ᠎ᠤᠨ ᠦᠮᠴᠢᠯᠡᠯ᠎ᠤᠨ ᠡᠳ᠋ ᠬᠦᠷᠦᠩᠭᠡ ᠵᠢᠨ ᠦᠷᠳᠡᠭ ᠪᠠᠳᠤᠯᠠᠬᠤ ᠦᠷᠳᠡᠭ ᠨᠡᠮᠡᠭᠳᠡᠭᠦᠯᠬᠦ ᠵᠢ ᠪᠠᠳᠤᠯᠠᠨ᠎ᠠ᠃ ᠵᠢᠷᠭᠤᠭ᠎ᠠ᠎ᠳᠤ ᠪᠠᠢ᠌ᠭᠤᠯᠭ᠎ᠠ ᠵᠢᠨ ᠪᠠᠢ᠌ᠭᠤᠯᠤᠯᠳᠠ ᠵᠢ ᠴᠢᠩᠭ᠋ᠠᠳᠬᠠᠨ᠎ᠠ᠃ ᠶᠠᠰᠤ ᠴᠢᠨᠠᠷ᠎ᠤᠨ ᠬᠠᠮᠢᠶᠠᠷᠤᠯᠳᠠ ᠵᠢᠨ ᠰᠢᠰᠲᠸᠮ ᠪᠤᠯᠤᠨ ᠠᠵᠢᠯ᠎ᠤᠨ ᠠᠮᠵᠢᠯᠳᠠ ᠵᠢᠨ ᠬᠢᠨᠠᠨ ᠰᠢᠯᠭ᠋ᠠᠬᠤ ᠠᠭᠤᠯᠭ᠎ᠠ ᠵᠢ ᠳᠡᠭᠦᠯᠳᠡᠷᠵᠢᠭᠦᠯᠵᠦ᠂ ᠬᠡᠷᠡᠭᠵᠢᠭᠦᠯᠬᠦ ᠬᠦᠴᠤᠨ ᠪᠠ ᠠᠵᠢᠯ᠎ᠤᠨ ᠦᠷ᠎ᠡ ᠪᠦᠳᠤᠮᠵᠢ ᠵᠢ ᠳᠡᠭᠡᠭᠰᠢᠯᠡᠭᠦᠯᠦᠨ᠎ᠠ᠃ ᠤᠷᠤᠨ᠎ᠤ ᠲᠤᠪᠴᠢᠶ᠎ᠠ ᠵᠢᠨ ᠪᠠᠢ᠌ᠭᠤᠯᠭ᠎ᠠ ᠵᠢᠨ ᠡᠷᠭᠡ ᠴᠢᠳᠠᠪᠤᠷᠢ᠂ ᠪᠠᠢ᠌ᠭᠤᠯᠤᠮᠵᠢ᠂ ᠠᠵᠢᠯᠳᠠᠨ᠎ᠤ ᠰᠢᠯᠢᠳᠡᠭᠵᠢᠭᠦᠯᠬᠦ ᠪᠠᠢ᠌ᠷᠢᠯᠠᠭᠤᠯᠤᠯᠳᠠ ᠵᠢ ᠱᠠᠯᠠᠪᠬᠠᠨ ᠬᠢᠵᠦ᠂ ᠡᠷᠬᠡ ᠴᠢᠳᠠᠪᠤᠷᠢ ᠵᠢᠨ ᠨᠡᠢ᠌ᠯᠡᠬᠦᠯᠦᠯᠳᠠ ᠵᠢᠨ ᠠᠵᠢᠯ᠎ᠢ ᠲᠦᠷᠭᠡᠳᠬᠡᠵᠦ᠂ ᠰᠢᠯᠤᠭᠤᠳᠬᠠᠵᠦ ᠪᠤᠯᠬᠤ ᠵᠢ᠎ᠨᠢ ᠠᠯᠢ ᠲᠦᠷᠭᠡᠨ ᠵᠶ᠋ᠡᠷ ᠰᠢᠯᠤᠭᠤᠳᠬᠠᠵᠦ᠂ ᠲᠦᠷ ᠴᠠᠭ ᠰᠢᠯᠤᠭᠤᠳᠬᠠᠵᠦ ᠳᠡᠢ᠌ᠯᠬᠦ ᠦᠬᠡᠢ᠎ᠳᠤᠨᠢ ᠴᠤ᠌ ᠵᠤᠬᠢᠴᠠᠭᠤᠯᠬᠤ ᠲᠤᠭᠳᠠᠴᠠ ᠵᠢ ᠪᠠᠢ᠌ᠭᠤᠯᠤᠨ᠎ᠠ᠃
[ᠬᠦᠳᠤᠯᠦᠭᠴᠢ] ᠵᠠ ᠰᠠᠢ᠌ᠨ ᠪᠤᠯᠤᠯ᠎ᠠ᠂ ᠭᠤᠤ ᠳᠠᠷᠤᠭ᠎ᠠ ᠵᠢᠨ ᠬᠠᠯᠠᠰᠢᠷᠠᠯ ᠦᠬᠡᠢ ᠲᠠᠢ᠌ᠯᠪᠤᠷᠢᠯᠠᠭᠰᠠᠨ᠎ᠳᠤ ᠲᠠᠯᠠᠷᠬᠠᠵᠦ ᠪᠠᠢ᠌ᠨ᠎ᠠ᠂ ᠮᠦᠨᠴᠤ ᠰᠦᠯᠵᠢᠶᠡᠨ ᠠᠨᠳᠠ ᠨᠠᠷ᠎ᠤᠨ ᠬᠦᠯᠢᠶᠡᠨ ᠠᠪᠴᠤ ᠦᠵᠡᠭᠰᠡᠨ᠎ᠳᠤ ᠲᠠᠯᠠᠷᠬᠠᠯ᠎ᠠ! ᠡᠨᠡ ᠤᠳᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠬᠡᠳ ᠲᠡᠭᠦᠰᠤᠯᠠ᠂ ᠲᠠᠷᠠᠭ᠋ᠠᠴᠢ ᠵᠢᠨ ᠫᠷᠦᠭᠷᠡᠮ ᠵᠶ᠋ᠡᠷ ᠪᠠᠶᠠᠷᠲᠠᠢ ᠵᠤᠯᠭ᠋ᠠᠶ᠎ᠠ!