
ᠰᠤᠷᠪᠤᠯᠵᠢᠯᠠᠭ᠎ᠠ ᠵᠢᠨ ᠭᠣᠣᠯ ᠰᠡᠳᠦᠪ᠄
ᠦᠬᠠᠢ ᠬᠣᠲᠠ᠄ ᠤᠶᠤᠨᠳᠤ ᠬᠣᠲᠠ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠭᠡᠵᠦ
ᠮᠡᠳᠡᠭᠡ ᠵᠠᠩᠭᠢ ᠪᠠᠷ ᠠᠷᠠᠳ᠎ᠲᠤ ᠠᠰᠢᠭ ᠭᠦᠷᠳᠡᠭᠡᠬᠦ ᠠᠯᠬᠤᠮ᠎ᠢ ᠠᠬᠢᠭᠤᠯᠤᠶ᠎ᠠ
ᠰᠤᠷᠪᠤᠯᠵᠢᠯᠠᠭ᠎ᠠ ᠵᠢᠨ ᠴᠠᠭ :
2015 ᠣᠨ᠎ᠤ 1 ᠳ᠋ᠦ᠍ᠭᠡᠷ ᠰᠠᠷ᠎ᠠ ᠵᠢᠨ 7᠎ᠤ ᠡᠳᠦᠷ᠎ᠤᠨ ᠦᠳᠡ ᠵᠢᠨ ᠡᠮᠦᠨᠡᠬᠢ 10 ᠴᠠᠭ
ᠰᠣᠷᠪᠣᠯᠵᠢᠯᠠᠭ᠎ᠠ ᠬᠦᠯᠢᠶᠡᠭᠰᠡᠨ ᠵᠣᠴᠢᠨ :
ᠦᠬᠠᠢ ᠬᠤᠲᠠ ᠵᠢᠨ ᠵᠠᠰᠠᠭ᠎ᠤᠨ ᠣᠷᠳᠣᠨ᠎ᠤ ᠮᠡᠳᠡᠭᠡ ᠵᠠᠩᠬᠢᠵᠢᠯᠠᠯᠳᠠ ᠵᠢᠨ ᠠᠯᠪᠠᠨ ᠭᠡᠷ᠎ᠤᠨ ᠡᠷᠬᠢᠯᠡᠭᠴᠢ ᠴᠢᠶᠠᠨ ᠵᠢᠶᠠᠨ ᠭᠦᠸᠸ
ᠰᠣᠷᠪᠣᠯᠵᠢᠯᠠᠭ᠎ᠠ ᠵᠢᠨ ᠳᠣᠪᠴᠢ :
2013 ᠣᠨ᠎ᠳᠤ ᠦᠬᠠᠢ ᠬᠣᠲᠠ᠎ᠨᠢ ᠤᠯᠤᠰ᠎ᠤᠨ ᠠᠩᠬᠠᠳᠤᠭ᠋ᠠᠷ ᠪᠦᠯᠦᠭ 《ᠤᠶᠤᠨᠳᠤ ᠬᠣᠲᠠ》 ᠵᠢᠨ ᠲᠤᠷᠰᠢᠯᠲᠠ ᠵᠢᠨ ᠴᠢᠭ᠋ ᠪᠣᠯᠵᠤ᠂ 2014 ᠣᠨ᠎ᠳᠤ ᠪᠠᠰᠠ ᠮᠡᠳᠡᠭᠡ ᠵᠠᠩᠭᠢ᠎ᠪᠠᠷ ᠠᠷᠠᠳ᠎ᠲᠤ ᠠᠰᠢᠭ ᠬᠦᠷᠳᠡᠭᠡᠬᠦ ᠤᠯᠤᠰ᠎ᠤᠨ ᠵᠢᠱ᠌ᠢᠶ᠎ᠡ ᠦᠵᠡᠭᠦᠯᠬᠦ ᠴᠢᠭ᠋᠎ᠤᠨ ᠬᠣᠲᠠ ᠪᠣᠯᠪᠠ᠃ ᠦᠬᠠᠢ ᠬᠣᠲᠠ ᠵᠢᠨ ᠤᠶᠤᠨᠳᠤ ᠬᠣᠲᠠ ᠪᠠ ᠮᠡᠳᠡᠭᠡ ᠵᠠᠩᠬᠢᠵᠢᠯᠠᠯᠳᠠ᠎ᠪᠠᠷ ᠠᠷᠠᠳ᠎ᠲᠤ ᠠᠰᠢᠭ ᠬᠦᠷᠳᠡᠭᠡᠬᠦ ᠪᠦᠳᠦᠭᠡᠨ ᠪᠠᠢ᠌ᠭᠤᠯᠤᠯᠲᠠ ᠵᠢᠨ ᠬᠣᠯᠪᠣᠭᠳᠠᠯ ᠪᠦᠬᠦᠢ ᠪᠠᠢ᠌ᠳᠠᠯ᠎ᠢ ᠤᠯᠠᠮ ᠨᠢᠭᠡ ᠠᠯᠬᠤᠮ ᠣᠢ᠌ᠯᠠᠭ᠋ᠠᠬᠤ ᠵᠢᠨ ᠲᠤᠰᠠᠳᠠ᠂ ᠣᠷᠴᠢᠮ ᠪᠢᠳᠡ ᠦᠬᠠᠢ ᠬᠣᠲᠠ ᠵᠢᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠠᠯᠪᠠᠨ ᠭᠡᠷ᠎ᠤᠨ ᠡᠷᠬᠢᠯᠡᠭᠴᠢ ᠴᠢᠶᠠᠨ ᠵᠢᠶᠠᠨ ᠭᠦᠸᠸ ᠵᠢ ᠤᠷᠢᠨ ᠵᠠᠯᠠᠵᠦ 《ᠳᠤᠮᠳᠠᠳᠤ ᠤᠯᠤᠰ᠂ ᠥᠪᠦᠷ ᠮᠣᠩᠭᠣᠯ》 ᠰᠦᠯᠵᠢᠶᠡᠨ ᠳᠡᠭᠡᠷ᠎ᠡ ᠰᠦᠯᠵᠢᠶᠡᠨ ᠠᠨᠳᠠ ᠨᠠᠷ᠎ᠲᠠᠢ ᠵᠣᠭᠣᠭᠳᠠᠭᠤᠯᠬᠤᠪᠠᠷ ᠪᠤᠯᠪᠠ᠂ ᠥᠷᠭᠡᠨ ᠣᠯᠠᠨ ᠰᠦᠯᠵᠢᠶᠡᠨ ᠠᠨᠳᠠ ᠨᠠᠷ ᠲᠤᠬᠠᠢ ᠵᠢᠨ ᠴᠠᠭ᠎ᠲᠤ ᠢᠳᠡᠪᠬᠢᠲᠠᠢ ᠣᠷᠣᠯᠴᠠᠬᠤ ᠵᠢ ᠪᠠᠶᠠᠷᠯᠠᠨ ᠤᠭᠳᠤᠵᠦ ᠪᠣᠢ!
[ᠬᠦᠲᠦᠯᠦᠭᠴᠢ] ᠰᠦᠯᠵᠢᠶᠡᠨ ᠠᠨᠳᠠ ᠨᠠᠷ ᠡ᠂ ᠰᠠᠢ᠌ᠨ ᠪᠠᠢ᠌ᠵᠠᠭ᠋ᠠᠨ᠎ᠠ ᠤᠤ ᠂ ᠲᠠ ᠪᠦᠭᠦᠨ ᠳᠣᠰ ᠬᠣᠭᠣᠴᠠᠭ᠋ᠠᠨ᠎ᠤ 《ᠳᠣᠮᠳᠠᠳᠣ ᠣᠯᠣᠰ᠂ ᠥᠪᠥᠷ ᠮᠣᠩᠭᠣᠯ》 ᠰᠥᠯᠵᠢᠶᠡᠨᠤ ᠰᠣᠷᠪᠣᠯᠵᠢᠯᠠᠭ᠎ᠠ ᠶᠠᠷᠢᠯᠴᠠᠭ᠎ᠠ ᠵᠢᠨ ᠪᠤᠯᠤᠩ᠎ᠢ ᠬᠦᠯᠢᠶᠡᠨ ᠠᠪᠴᠥ ᠥᠵᠡᠭᠥ ᠵᠢ ᠪᠠᠶᠠᠷᠯᠠᠨ ᠣᠭᠳᠣᠵᠣ ᠪᠠᠢ᠌ᠨ᠎ᠠ᠂ ᠥᠨᠥᠳᠦᠷ ᠪᠢᠳᠡ ᠠᠵᠠ ᠵᠠᠪᠰᠢᠶᠠᠨ᠎ᠲᠠᠢ᠎ᠪᠠᠷ ᠦᠬᠠᠢ ᠬᠣᠲᠠ ᠵᠢᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠠᠯᠪᠠᠨ ᠭᠡᠷ᠎ᠤᠨ ᠡᠷᠬᠢᠯᠡᠭᠴᠢ ᠴᠢᠶᠠᠨ ᠵᠢᠶᠠᠨ ᠭᠦᠸᠸ ᠵᠢ ᠤᠷᠢᠨ ᠵᠠᠯᠠᠪᠠ ᠂ ᠲᠡᠷᠡ ᠦᠬᠠᠢ ᠬᠣᠲᠠ ᠵᠢᠨ ᠤᠶᠤᠨᠳᠤ ᠬᠣᠲᠠ ᠪᠠ ᠮᠡᠳᠡᠭᠡ ᠵᠠᠩᠬᠢᠵᠢᠯᠠᠯᠳᠠ᠎ᠪᠠᠷ ᠠᠷᠠᠳ᠎ᠲᠤ ᠠᠰᠢᠭ ᠬᠦᠷᠳᠡᠭᠡᠬᠦ ᠪᠦᠳᠤᠭᠡᠨ ᠪᠠᠢ᠌ᠭᠤᠯᠤᠯᠳᠠ ᠵᠢᠨ ᠬᠤᠯᠪᠤᠭᠳᠠᠯ ᠪᠦᠬᠦᠢ ᠪᠠᠢ᠌ᠳᠠᠯ᠎ᠤᠨ ᠲᠤᠬᠠᠢ ᠲᠠ᠎ᠨᠠᠷ᠎ᠲᠠᠢ ᠵᠣᠭᠣᠭᠳᠠᠬᠤ ᠵᠢᠨ ᠬᠠᠮᠲᠤ ᠰᠦᠯᠵᠢᠶᠡᠨ ᠠᠨᠳᠠ ᠨᠠᠷ᠎ᠤᠨ ᠠᠰᠠᠭᠤᠯᠲᠠ ᠵᠢ ᠬᠠᠷᠢᠭᠤᠯᠬᠤ ᠪᠤᠯᠤᠨ᠎ᠠ᠃ ᠴᠢᠶᠠᠨ ᠡᠷᠬᠢᠯᠡᠭᠴᠢ ᠡ᠂ ᠲᠠᠨ᠎ᠢ ᠪᠠᠶᠠᠷᠯᠠᠨ ᠤᠭᠳᠤᠵᠦ ᠪᠠᠢ᠌ᠨ᠎ᠠ!
[ ᠴᠢᠶᠠᠨ ᠵᠢᠶᠠᠨ ᠭᠦᠸᠸ] ᠬᠥᠲᠦᠯᠦᠭᠴᠢ᠎ᠳᠤ ᠲᠠᠯᠠᠷᠬᠠᠵᠤ ᠪᠠᠢ᠌ᠨ᠎ᠠ᠃ ᠰᠦᠯᠵᠢᠶᠡᠨ ᠠᠨᠳᠠ ᠨᠠᠷ ᠰᠠᠢ᠌ᠨ ᠪᠠᠢ᠌ᠴᠠᠭ᠋ᠠᠨ᠎ᠠ ᠤᠤ?᠂ ᠰᠦᠯᠵᠢᠶᠡᠨ᠎ᠤ ᠰᠤᠷᠪᠤᠯᠵᠢᠯᠠᠭ᠎ᠠ ᠵᠢᠨ ᠪᠤᠯᠤᠩ ᠵᠶ᠋ᠠᠷ ᠳᠠᠮᠵᠢᠨ ᠲᠠ᠎ᠨᠠᠷ᠎ᠲᠠᠢ ᠵᠣᠭᠣᠭᠳᠠᠬᠤ ᠪᠤᠯᠤᠭᠰᠠᠨ᠎ᠳᠠᠭᠠᠨ ᠮᠠᠰᠢ ᠪᠠᠶᠠᠷᠯᠠᠵᠤ ᠪᠠᠢ᠌ᠨ᠎ᠠ᠃
[ᠬᠦᠲᠦᠯᠦᠭᠴᠢ] 2013 ᠣᠨ᠎ᠤ ᠦᠬᠠᠢ ᠬᠣᠲᠠ ᠤᠯᠤᠰ᠎ᠤᠨ ᠠᠩᠬᠠᠳᠤᠭ᠋ᠠᠷ ᠪᠦᠯᠦᠭ 《ᠤᠶᠤᠨᠳᠤ ᠬᠣᠲᠠ》 ᠵᠢᠨ ᠲᠤᠷᠰᠢᠯᠲᠠ ᠵᠢᠨ ᠴᠢᠭ᠋ ᠪᠣᠯᠵᠤ᠂ 2014 ᠣᠨ᠎ᠳᠤ ᠪᠠᠰᠠ ᠮᠡᠳᠡᠭᠡ ᠵᠠᠩᠭᠢ᠎ᠪᠠᠷ ᠠᠷᠠᠳ᠎ᠲᠤ ᠠᠰᠢᠭ ᠬᠦᠷᠳᠡᠭᠡᠬᠦ ᠤᠯᠤᠰ᠎ᠤᠨ ᠵᠢᠱ᠌ᠢᠶ᠎ᠡ ᠦᠵᠡᠭᠦᠯᠬᠦ ᠴᠢᠭ᠋᠎ᠤᠨ ᠬᠣᠲᠠ ᠪᠣᠯᠵᠤ᠂ ᠬᠣᠶᠠᠷ ᠵᠢᠯ ᠳᠠᠷᠠᠭ᠋ᠠᠯᠠᠨ ᠮᠡᠳᠡᠭᠡ ᠵᠠᠩᠬᠢᠵᠢᠯᠠᠯᠳᠠ ᠵᠢᠨ ᠪᠠᠢ᠌ᠭᠤᠯᠤᠯᠲᠠ ᠵᠢᠨ ᠲᠠᠯ᠎ᠠ᠎ᠪᠠᠷ ᠤᠯᠤᠰ᠎ᠤᠨ ᠦᠨᠳᠦᠷ ᠦᠨᠡᠯᠡᠯᠲᠡ ᠵᠢ ᠤᠯᠪᠠ᠂ ᠴᠢᠶᠠᠨ ᠡᠷᠬᠢᠯᠡᠭᠴᠢ ᠡ᠂ ᠲᠠ ᠤᠳᠤ ᠦᠬᠠᠢ ᠬᠣᠲᠠ ᠵᠢᠨ ᠮᠡᠳᠡᠭᠡ ᠵᠠᠩᠬᠢᠵᠢᠯᠠᠯᠳᠠ ᠵᠢᠨ ᠪᠠᠢ᠌ᠭᠤᠯᠤᠯᠲᠠ ᠵᠢᠨ ᠬᠠᠮᠢᠶᠠᠷᠤᠯᠳᠠ ᠵᠢᠨ ᠦᠯᠢᠭᠡᠷ ᠬᠡᠪ᠎ᠢ ᠪᠢᠳᠡᠨ᠎ᠳᠤ ᠲᠠᠨᠢᠯᠴᠠᠭᠤᠯᠤᠭ᠋ᠠᠳ ᠦᠭᠬᠦᠨ᠎ᠡ ᠤᠤ?
[ᠴᠢᠶᠠᠨ ᠵᠢᠶᠠᠨ ᠭᠦᠸᠸ] ᠵᠠ ᠳᠡᠭᠡᠶ᠎ᠡ ᠃ ᠦᠬᠠᠢ ᠬᠤᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠮᠡᠳᠡᠭᠡ ᠵᠠᠩᠬᠢᠵᠢᠯᠠᠯᠳᠠ ᠵᠢᠨ ᠪᠦᠲᠦᠭᠡᠨ ᠪᠠᠢ᠌ᠭᠤᠯᠤᠯᠲᠠ ᠵᠢ ᠶᠡᠬᠡᠪᠡᠷ ᠴᠢᠬᠤᠯᠠᠴᠢᠯᠠᠨ ᠦᠵᠡᠵᠦ᠂ ᠮᠡᠳᠡᠭᠡ ᠵᠠᠩᠬᠢᠵᠢᠯᠠᠯᠳᠠ ᠵᠢᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠦᠯᠢᠭᠡᠷ ᠬᠡᠪ᠎ᠢ ᠰᠦᠪᠡᠭᠴᠢᠯᠡᠨ ᠰᠢᠨᠡᠴᠢᠯᠡᠬᠦ᠎ᠳᠤ ᠬᠦᠴᠦ ᠲᠠᠯᠪᠢᠭᠰᠠᠭ᠋ᠠᠷ ᠢᠷᠡᠵᠠᠢ᠃ 2012 ᠣᠨ᠎ᠤ ᠡᠬᠢ᠎ᠪᠠᠷ᠂ ᠬᠣᠲᠠ ᠵᠢᠨ ᠵᠠᠰᠠᠭ᠎ᠤᠨ ᠣᠷᠳᠣᠨ 《ᠮᠡᠳᠡᠭᠡ ᠵᠠᠩᠬᠢᠵᠢᠯᠠᠯᠳᠠ ᠵᠢ ᠲᠦᠪᠯᠡᠷᠡᠭᠦᠯᠦᠨ ᠬᠠᠮᠢᠶᠠᠷᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠰᠠᠨᠠᠯ》 (ᠦᠬᠠᠢ ᠵᠠᠰᠠᠭ ᠲᠠᠷᠬᠠᠭ᠋ᠠᠭᠰᠠᠨ [2012] 17 ᠳ᠋ᠤᠭ᠋ᠠᠷ ᠲᠣᠭ᠋ᠠᠲᠤ)᠎ᠢ ᠪᠠᠭᠤᠯᠭ᠋ᠠᠵᠤ᠂ ᠬᠣᠲᠠ ᠵᠢᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠠᠯᠪᠠᠨ ᠭᠡᠷ᠎ᠨᠢ ᠬᠤᠲᠠ ᠵᠢᠨ ᠡᠳ᠋᠎ᠤᠨ ᠵᠠᠰᠠᠭ᠎ᠠᠴᠠ ᠪᠡᠯᠡ ᠤᠷᠤᠭᠤᠯᠬᠤ ᠪᠦᠬᠦ ᠬᠣᠲᠠ ᠵᠢᠨ ᠮᠡᠳᠡᠭᠡ ᠵᠠᠩᠬᠢᠵᠢᠯᠠᠯᠳᠠ ᠵᠢᠨ ᠪᠦᠲᠦᠭᠡᠨ ᠪᠠᠢ᠌ᠭᠤᠯᠣᠯᠲᠠ ᠵᠢᠨ ᠲᠦᠷᠦᠯ ᠵᠦᠢ᠍ᠯ᠎ᠢ ᠨᠢᠭᠡᠳᠦᠯᠲᠠᠢ ᠲᠦᠯᠦᠪᠵᠢᠭᠦᠯᠬᠦ᠂ ᠮᠡᠷᠭᠡᠵᠢᠯ᠎ᠤᠨ ᠪᠤᠭᠤᠮᠲᠠ ᠵᠢ ᠠᠳᠬᠤᠬᠤ᠂ ᠬᠢᠨᠠᠯᠲᠠ ᠲᠠᠯᠪᠢᠬᠤ ᠪᠠ ᠰᠢᠯᠭ᠋ᠠᠨ ᠬᠤᠷᠢᠶᠠᠬᠤ ᠵᠡᠷᠭᠡ ᠠᠵᠢᠯ᠎ᠢ ᠬᠠᠷᠢᠭᠤᠴᠠᠬᠤ ᠵᠢᠨ ᠬᠠᠮᠲᠤ᠂ ᠮᠡᠳᠡᠭᠡ ᠵᠠᠩᠬᠢᠵᠢᠯᠠᠯᠳᠠ ᠵᠢᠨ ᠲᠦᠷᠦᠯ ᠵᠦᠢ᠍ᠯ᠎ᠤᠨ ᠡᠬᠢ ᠪᠠᠶᠠᠯᠢᠭ᠎ᠢ ᠬᠠᠮᠲᠤ᠎ᠪᠠᠷ ᠬᠦᠷᠳᠡᠬᠦ ᠠᠵᠢᠯ᠎ᠢ ᠰᠠᠢ᠌ᠳᠤᠷ ᠬᠢᠬᠦ ᠬᠡᠷᠡᠭᠲᠡᠢ ᠭᠡᠵᠦ ᠤᠯᠠᠮ ᠨᠢᠭᠡ ᠠᠯᠬᠤᠮ ᠲᠤᠳᠤᠷᠬᠠᠢ ᠱᠠᠭ᠋ᠠᠷᠳᠠᠪᠠ᠃
ᠮᠠᠨ᠎ᠤ ᠬᠣᠲᠠ ᠵᠢᠨ ᠪᠤᠳᠠᠳᠤ ᠪᠠᠢ᠌ᠳᠠᠯ ᠪᠠ ᠪᠦᠬᠦ ᠬᠣᠲᠠ ᠵᠢᠨ ᠮᠡᠳᠡᠭᠡ ᠵᠠᠩᠬᠢᠵᠢᠯᠠᠯᠳᠠ ᠵᠢᠨ ᠬᠦᠭᠵᠢᠯᠳᠡ ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠬᠣᠲᠠ ᠵᠢᠨ ᠲᠣᠳᠣᠭ᠋ᠠᠳᠣ ᠵᠢ ᠬᠠᠮᠠᠭ᠋ᠠᠯᠠᠬᠤ ᠲᠣᠪᠴᠢᠶ᠎ᠠ ᠵᠢᠨ ᠳᠠᠷᠤᠭ᠎ᠠ ᠵᠢᠨ ᠲᠤᠰᠢᠶᠠᠯ᠎ᠢ ᠬᠠᠪᠰᠤᠷᠭ᠋ᠠᠭᠰᠠᠨ ᠬᠣᠲᠠ ᠵᠢᠨ ᠲ᠋ᠡᠳ᠋ ᠳᠠᠷᠣᠭ᠎ᠠ᠎ᠠᠴᠠ ᠬᠤᠲᠠ ᠵᠢᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠠᠯᠪᠠᠨ ᠭᠡᠷ᠎ᠢ ᠬᠣᠪᠢᠶᠠᠷᠢᠯᠠᠨ ᠬᠠᠮᠢᠶᠠᠷᠴᠤ ᠂ ᠪᠦᠬᠦ ᠬᠣᠲᠠ ᠵᠢᠨ ᠲᠣᠭ᠎ᠠ ᠪᠠᠷᠢᠮᠲᠠ ᠵᠢᠨ ᠡᠬᠢ ᠪᠠᠶᠠᠯᠢᠭ᠎ᠢ ᠨᠢᠭᠡᠳᠦᠭᠦᠯᠵᠦ᠂ ᠤᠷᠤᠢ᠌ᠪᠴᠢ ᠵᠢᠷᠤᠭ ᠲᠦᠯᠦᠪᠯᠡᠭᠡ ᠵᠢ ᠰᠠᠢ᠌ᠳᠦᠷ ᠬᠢᠵᠦ᠂ ᠮᠠᠨ᠎ᠤ ᠬᠣᠲᠠ ᠵᠢᠨ ᠤᠶᠤᠨᠳᠤ ᠬᠣᠲᠠ ᠪᠠ ᠠᠷᠠᠳ᠎ᠲᠤ ᠠᠰᠢᠭ ᠬᠦᠷᠳᠡᠭᠡᠬᠦ ᠪᠠᠢ᠌ᠭᠤᠯᠤᠯᠲᠠ ᠵᠢ ᠢᠳᠡᠭ ᠢᠳᠡᠭ ᠵᠶ᠋ᠡᠷ ᠠᠬᠢᠭᠤᠯᠪᠠ᠃
[ᠬᠦᠲᠦᠯᠦᠭᠴᠢ] ᠦᠬᠠᠢ ᠬᠣᠲᠠ᠎ᠨᠢ ᠮᠡᠳᠡᠭᠡ ᠵᠠᠩᠬᠢᠵᠢᠯᠠᠯᠳᠠ ᠵᠢᠨ ᠰᠠᠭᠤᠷᠢ ᠪᠦᠲᠦᠭᠡᠨ ᠪᠠᠢ᠌ᠭᠤᠯᠤᠯᠲᠠ ᠵᠢᠨ ᠲᠠᠯ᠎ᠠ᠎ᠪᠠᠷ ᠶᠠᠮᠠᠷ ᠶᠠᠮᠠᠷ ᠪᠤᠳᠠᠲᠠᠢ ᠦᠷ᠎ᠡ ᠪᠦᠳᠦᠮᠵᠢ ᠣᠯᠣᠭᠰᠠᠨ ᠪᠤᠢ?
[ ᠴᠢᠶᠠᠨ ᠵᠢᠶᠠᠨ ᠭᠦᠸᠸ] ᠮᠡᠳᠡᠭᠡ ᠵᠠᠩᠬᠢᠵᠢᠯᠠᠯᠳᠠ ᠵᠢᠨ ᠰᠠᠭᠤᠷᠢ ᠪᠦᠲᠦᠭᠡᠨ ᠪᠠᠢ᠌ᠭᠤᠯᠤᠯᠲᠠ ᠵᠢᠨ ᠲᠠᠯ᠎ᠠ᠎ᠪᠠᠷ᠂ ᠮᠠᠨ᠎ᠤ ᠬᠣᠲᠠ ᠵᠢᠨ ᠪᠦᠳᠤᠭᠡᠨ ᠪᠠᠢ᠌ᠭᠤᠯᠤᠭᠰᠠᠨ ᠲᠣᠭᠣᠷᠢᠭ᠎ᠨᠢ ᠨᠢᠭᠡᠨᠲᠡ ᠨᠡᠯᠢᠶᠡᠳ ᠪᠦᠷᠢᠨ ᠲᠥᠬᠥᠷ ᠴᠢᠮᠡᠭᠡ ᠨᠡᠪᠳᠡᠷᠡᠯᠬᠡ᠂ ᠤᠲᠠᠰᠣ᠎ᠳᠤ ᠲᠧᠯᠸᠢᠰ᠂ ᠭᠡᠷᠡᠯᠯᠢᠭ ᠰᠢᠷᠬᠡᠭ᠎ᠤᠨ ᠥᠷᠭᠡᠨ ᠪᠦᠰᠡ᠎ᠪᠠᠷ ᠳᠠᠮᠵᠢᠭᠤᠯᠬᠤ ᠰᠦᠯᠵᠢᠶᠡᠨ᠎ᠤ ᠰᠢᠰᠲᠸᠮᠵᠢ᠎ᠲᠠᠢ ᠪᠤᠯᠪᠠ᠃ ᠷᠠᠳᠢᠣ᠋᠂ ᠲᠧᠯᠸᠢᠰ᠂ ᠳ᠋ᠢᠶᠠᠩᠬᠤᠸᠠ᠂ ᠢᠨᠲᠸᠷ ᠰᠦᠯᠵᠢᠶ᠎ᠡ ᠵᠢᠨ ᠶᠡᠷᠦᠩᠬᠡᠢ᠌ᠯᠡᠭᠰᠡᠨ ᠪᠦᠷᠬᠦᠴᠡ ᠵᠢᠨ ᠨᠣᠷᠮ᠎ᠠ᠎ᠨᠢ ᠴᠦᠮ 100%᠎ᠳᠤ ᠬᠦᠷᠦᠭᠰᠡᠨ ᠪᠠᠢ᠌ᠨ᠎ᠠ ᠃ ᠦᠬᠠᠢ ᠬᠣᠲᠠ ᠵᠢᠨ ᠭᠡᠷᠡᠯᠯᠢᠭ ᠰᠢᠷᠬᠡᠭ᠎ᠤᠨ ᠶᠡᠷᠦᠩᠭᠡᠢ ᠤᠷᠲᠤ ᠵᠢᠨ ᠬᠡᠮᠵᠢᠶ᠎ᠡ᠎ᠨᠢ ᠪᠠᠷᠤᠭ 11 ᠲᠦᠮᠡᠨ ᠺᠢᠯᠤᠮᠸᠲᠷ᠎ᠲᠤ ᠬᠦᠷᠴᠤ᠂ 20M ᠥᠷᠭᠡᠨ ᠪᠦᠰᠡ ᠵᠢᠨ ᠭᠡᠷᠡᠯᠯᠢᠭ ᠰᠢᠷᠬᠡᠭ᠎ᠢ ᠡᠷᠦᠬᠡ᠎ᠳᠤ ᠤᠷᠤᠭᠤᠯᠬᠤ ᠴᠢᠳᠠᠮᠵᠢ ᠵᠢ ᠪᠦᠬᠦ ᠲᠠᠯ᠎ᠠ᠎ᠪᠠᠷ ᠪᠡᠶᠡᠯᠡᠭᠦᠯᠵᠦ᠂ ᠷᠠᠳᠢᠤ᠋ ᠰᠦᠯᠵᠢᠶ᠎ᠡ ᠵᠢᠨ 3G ᠵᠢᠨ ᠦᠢ᠍ᠯᠡᠴᠢᠯᠡᠭᠡᠨ᠎ᠢ ᠪᠦᠬᠦ ᠬᠣᠲᠠ ᠵᠢ ᠪᠥᠷᠬᠦᠵᠦ᠂ 4G ᠵᠢᠨ ᠰᠦᠯᠵᠢᠶ᠎ᠡ᠎ᠨᠢ ᠡᠬᠢᠯᠡᠵᠦ ᠠᠵᠢᠯᠯᠠᠪᠠ᠃ 2014 ᠣᠨ᠎ᠳᠤ᠂ ᠮᠠᠨ᠎ᠤ ᠬᠤᠲᠠ ᠵᠢᠨ ᠡᠯᠸᠺᠲᠷᠤᠨ ᠵᠠᠰᠠᠭ᠎ᠤᠨ ᠶᠠᠪᠤᠳᠠᠯ᠎ᠤᠨ ᠳᠦᠷᠪᠡᠨ ᠳᠡᠰ᠎ᠤᠨ ᠰᠦᠯᠵᠢᠶ᠎ᠡ᠎ᠨᠢ ᠪᠦᠬᠦᠢ᠌ᠯᠡ ᠬᠡᠷᠡᠭ ᠡᠷᠬᠢᠯᠡᠬᠦ ᠭᠠᠵᠠᠷ (ᠪᠠᠯᠭ᠋ᠠᠰᠤ)᠂ ᠨᠡᠢ᠌ᠭᠡᠮ ᠲᠣᠭᠤᠷᠢᠭ (ᠲᠣᠰᠬᠤᠨ) ᠲᠤ ᠤᠷᠤᠵᠦ᠂ ᠵᠠᠭᠤᠨ ᠰᠠᠶ᠎ᠠ ᠡᠾᠸᠷᠼᠳᠤ ᠬᠦᠷᠴᠦ᠂ ᠬᠣᠲᠠ᠂ ᠲᠣᠭᠣᠷᠢᠭ᠎ᠤᠨ ᠵᠦᠪᠯᠡᠯ ᠠᠯᠪᠠᠨ ᠭᠡᠷ ᠲᠣᠪᠴᠢᠶ᠎ᠠ ᠴᠦᠮ ᠡᠯᠸᠺᠲᠷᠤᠨ ᠵᠠᠰᠠᠭ᠎ᠤᠨ ᠶᠠᠪᠤᠳᠠᠯ᠎ᠤᠨ ᠭᠠᠳᠠᠭ᠋ᠠᠳᠤ ᠰᠦᠯᠵᠢᠶ᠎ᠡ ᠵᠠᠯᠭ᠋ᠠᠵᠤ᠂ ᠪᠦᠬᠦ ᠬᠣᠲᠠ ᠵᠢᠨ ᠢᠨᠲᠸᠷ ᠰᠦᠯᠵᠢᠶ᠎ᠡ ᠵᠢᠨ ᠭᠠᠷᠭ᠋ᠠᠯᠲᠠ ᠵᠢ ᠨᠢᠭᠡᠳᠬᠡᠪᠡ᠃
ᠮᠠᠨ᠎ᠤ ᠬᠣᠲᠠ ᠪᠦᠬᠦ ᠬᠣᠲᠠ᠎ᠪᠠᠷ ᠵᠶ᠋ᠡᠨ ᠣᠷᠣᠨ ᠵᠠᠢ ᠵᠢᠨ ᠪᠣᠷᠣ ᠲᠦᠯᠦᠪ᠎ᠤᠨ ᠲᠣᠭ᠎ᠠ ᠪᠠᠷᠢᠮᠲᠠ ᠵᠢᠨ ᠬᠦᠮᠦᠷᠭᠡ᠂ ᠠᠯᠤᠰ᠎ᠠᠴᠠ ᠡᠵᠡᠮᠰᠢᠬᠦ ᠲᠦᠷᠰᠦᠲᠦ ᠪᠢᠴᠢᠯᠭᠡ ᠵᠢᠨ ᠲᠣᠭ᠎ᠠ ᠪᠠᠷᠢᠮᠲᠠ ᠵᠢᠨ ᠬᠦᠮᠦᠷᠭᠡ᠂ ᠲᠤᠭ᠋ᠠᠴᠠᠭ᠋ᠠᠯᠠᠭᠰᠠᠨ ᠡᠷᠭᠦᠭᠳᠡᠴᠡ ᠵᠠᠭᠪᠤᠷ᠎ᠤᠨ ᠲᠣᠭ᠎ᠠ ᠪᠠᠷᠢᠮᠲᠠ ᠵᠢᠨ ᠬᠦᠮᠦᠷᠭᠡ᠂ ᠭᠤᠷᠪᠠᠨ ᠬᠡᠮᠵᠢᠯᠲᠦ ᠵᠠᠭᠪᠤᠷ᠎ᠤᠨ ᠲᠣᠭ᠎ᠠ ᠪᠠᠷᠢᠮᠲᠠ ᠵᠢᠨ ᠬᠦᠮᠦᠷᠭᠡ᠂ ᠵᠠᠰᠠᠭ᠎ᠤᠨ ᠶᠠᠪᠤᠳᠠᠯ᠎ᠤᠨ ᠡᠯᠸᠺᠲᠷᠤᠨ ᠭᠠᠵᠠᠷ᠎ᠤᠨ ᠵᠢᠷᠤᠭ᠎ᠤᠨ ᠲᠣᠭ᠎ᠠ ᠪᠠᠷᠢᠮᠲᠠ ᠵᠢᠨ ᠬᠦᠮᠦᠷᠭᠡ ᠪᠠ ᠣᠯᠠᠨ ᠨᠡᠢ᠌ᠲᠡ ᠵᠢᠨ ᠡᠯᠸᠺᠲᠷᠤᠨ ᠭᠠᠵᠠᠷ ᠤᠨ ᠵᠢᠷᠤᠭ᠎ᠤᠨ ᠲᠣᠭ᠎ᠠ ᠪᠠᠷᠢᠮᠲᠠ ᠵᠢᠨ ᠬᠦᠮᠦᠷᠭᠡ ᠵᠡᠷᠭᠡ ᠵᠢᠷᠭᠤᠭ᠋ᠠᠨ ᠲᠤᠮᠤ ᠲᠣᠭ᠎ᠠ ᠪᠠᠷᠢᠮᠲᠠ ᠵᠢᠨ ᠬᠦᠮᠦᠷᠭᠡ ᠪᠠ ᠬᠤᠶᠠᠷ ᠬᠡᠮᠵᠢᠯᠲᠦ ᠤᠷᠤᠨ ᠵᠠᠢ ᠵᠢᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠲᠠᠪᠴᠠᠩ᠂ ᠭᠤᠷᠪᠠᠨ ᠬᠡᠮᠵᠢᠯᠲᠦ ᠤᠷᠤᠨ ᠵᠠᠢ ᠵᠢᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠲᠠᠪᠴᠠᠩ ᠪᠤᠯᠤᠨ ᠣᠯᠠᠨ ᠨᠡᠢ᠌ᠲᠡ ᠵᠢᠨ ᠣᠷᠣᠨ ᠵᠠᠢ ᠵᠢᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠲᠠᠪᠴᠠᠩ ᠵᠡᠷᠭᠡ ᠭᠤᠷᠪᠠᠨ ᠶᠡᠬᠡ ᠲᠠᠪᠴᠠᠩ᠎ᠢ ᠪᠠᠭᠳᠠᠭ᠋ᠠᠭᠰᠠᠨ ᠭᠠᠵᠠᠷ ᠵᠦᠢ ᠵᠢᠨ ᠣᠷᠣᠨ ᠵᠠᠢ ᠵᠢᠨ ᠮᠡᠳᠡᠭᠡ ᠵᠠᠩᠭᠢ ᠵᠢᠨ ᠨᠢᠭᠡᠳᠤᠮᠡᠯ ᠲᠠᠪᠴᠠᠩ᠎ᠢ ᠪᠠᠢ᠌ᠭᠤᠯᠵᠤ᠂ ᠂ ᠲᠦᠯᠦᠪᠵᠢᠭᠦᠯᠭᠡ᠂ ᠤᠯᠤᠰ᠎ᠤᠨ ᠭᠠᠵᠠᠷ ᠰᠢᠷᠤᠢ᠂ ᠲᠣᠳᠤᠭ᠋ᠠᠳᠤ ᠵᠢ ᠬᠠᠮᠠᠭ᠋ᠠᠯᠠᠬᠤ ᠵᠡᠷᠭᠡ ᠰᠠᠯᠠᠭ᠎ᠠ ᠮᠦᠴᠢᠷ᠎ᠲᠤ ᠭᠠᠵᠠᠷ ᠵᠦᠢ ᠵᠢᠨ ᠮᠡᠳᠡᠭᠡ ᠵᠠᠩᠭᠢ ᠵᠢᠨ ᠦᠢ᠍ᠯᠡᠴᠢᠯᠡᠭᠡ ᠬᠠᠩᠭ᠋ᠠᠵᠤ᠂ ᠭᠠᠵᠠᠷ ᠵᠦᠢ ᠵᠢᠨ ᠮᠡᠳᠡᠭᠡ ᠵᠠᠩᠭᠢ ᠵᠢᠨ ᠦᠷ᠎ᠡ ᠪᠦᠳᠦᠭᠡᠯ᠎ᠢ ᠬᠠᠮᠲᠤ᠎ᠪᠠᠷ ᠬᠦᠷᠳᠡᠪᠠ᠃
ᠮᠠᠨ᠎ᠤ ᠬᠣᠲᠠ ᠪᠦᠬᠦ ᠬᠣᠲᠠ᠎ᠪᠠᠷ ᠵᠶ᠋ᠡᠨ ᠨᠢᠭᠡᠳᠤᠮᠡᠯ ᠳᠦᠷᠰᠦᠲᠦ ᠪᠢᠴᠢᠯᠭᠡ ᠵᠢᠨ ᠲᠥᠪ᠂ ᠲᠣᠭ᠎ᠠ ᠪᠠᠷᠢᠮᠲᠠ ᠵᠢᠨ ᠲᠥᠪ᠎ᠢ ᠪᠠᠢ᠌ᠭᠤᠯᠪᠠ᠃ ᠪᠦᠬᠦ ᠬᠣᠲᠠ ᠵᠢᠨ ᠡᠯ᠎ᠡ ᠰᠠᠯᠠᠭ᠎ᠠ ᠮᠦᠴᠢᠷ᠎ᠤᠨ ᠳᠦᠷᠰᠦᠲᠦ ᠪᠢᠴᠢᠯᠭᠡ ᠵᠢᠨ ᠡᠬᠢ ᠪᠠᠶᠠᠯᠢᠭ᠎ᠢ ᠨᠢᠭᠡᠳᠦᠭᠦᠯᠵᠦ᠂ ᠪᠦᠬᠦ ᠬᠣᠲᠠ ᠵᠢᠨ ᠳᠦᠷᠰᠦᠲᠦ ᠪᠢᠴᠢᠯᠭᠡ ᠵᠢᠨ ᠲᠥᠪ᠎ᠲᠤ ᠨᠢᠭᠡᠳᠦᠯᠳᠡᠢ ᠵᠠᠯᠭ᠋ᠠᠭᠤᠯᠵᠤ᠂ ᠳᠦᠷᠰᠦᠲᠦ ᠪᠢᠴᠢᠯᠭᠡ ᠵᠢᠨ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠵᠢ ᠪᠡᠶᠡᠯᠡᠭᠦᠯᠦᠨ᠂ ᠲᠣᠳᠤᠭ᠋ᠠᠳᠤ ᠵᠢ ᠬᠠᠮᠠᠭ᠋ᠠᠯᠠᠬᠤ᠂ ᠵᠠᠮ ᠬᠠᠷᠢᠯᠴᠠᠭ᠎ᠠ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ᠂ ᠬᠤᠲᠠ ᠵᠢᠨ ᠶᠠᠪᠤᠳᠠᠯ᠎ᠤᠨ ᠬᠠᠮᠢᠶᠠᠷᠤᠯᠲᠠ ᠵᠡᠷᠭᠡ ᠡᠯ᠎ᠡ ᠰᠠᠯᠠᠭ᠎ᠠ ᠮᠦᠴᠢᠷ᠎ᠲᠤ ᠦᠢ᠍ᠯᠡᠴᠢᠯᠡᠭᠡ ᠬᠠᠩᠭ᠋ᠠᠪᠠ᠃ ᠠᠷᠠᠳ᠎ᠤᠨ ᠠᠮᠢᠳᠤᠷᠠᠯ᠎ᠤᠨ ᠦᠢ᠍ᠯᠡᠴᠢᠯᠡᠭᠡᠨ᠎ᠤ ᠲᠠᠪᠴᠠᠩ᠎ᠳᠤ ᠲᠦᠰᠢᠭᠯᠡᠨ᠂ ᠪᠠᠢ᠌ᠩᠭᠤ ᠰᠠᠭᠤᠭ᠎ᠠ ᠬᠦᠮᠦᠨ ᠠᠮᠠ᠂ ᠲᠡᠷᠭᠡ ᠬᠦᠰᠭᠡ᠂ ᠨᠡᠢ᠌ᠭᠡᠮ᠎ᠤᠨ ᠳᠠᠭ᠋ᠠᠳᠬᠠᠯ᠂ ᠳᠣᠣᠷ᠎ᠠ ᠪᠠᠲᠤᠯᠠᠭ᠎ᠠ᠂ ᠵᠡᠮᠳᠡᠭᠴᠦᠳ᠂ ᠠᠵᠢᠯ ᠣᠯᠭᠣᠯᠲᠠ ᠵᠡᠷᠭᠡ ᠲᠣᠭ᠎ᠠ ᠪᠠᠷᠢᠮᠲᠠ ᠵᠢᠨ ᠬᠦᠮᠦᠷᠭᠡ ᠮᠡᠲᠦ ᠪᠦᠬᠦ ᠬᠣᠲᠠ ᠵᠢᠨ ᠡᠯ᠎ᠡ ᠰᠠᠯᠠᠭ᠎ᠠ ᠮᠦᠴᠢᠷ᠎ᠤᠨ ᠵᠠᠰᠠᠭ᠎ᠤᠨ ᠶᠠᠪᠤᠳᠠᠯ᠎ᠤᠨ ᠨᠢᠭᠤᠴᠠ ᠪᠤᠰᠤ ᠲᠣᠭ᠎ᠠ ᠪᠠᠷᠢᠮᠲᠠ ᠵᠢ ᠲᠦᠪᠯᠡᠷᠡᠭᠦᠯᠦᠨ ᠬᠠᠮᠲᠤ᠎ᠪᠠᠷ ᠬᠦᠷᠳᠡᠬᠦ ᠪᠤᠯᠭ᠋ᠠᠵᠦ᠂ ᠪᠦᠬᠦ ᠬᠣᠲᠠ ᠵᠢᠨ ᠲᠣᠭ᠎ᠠ ᠪᠠᠷᠢᠮᠲᠠ ᠵᠢᠨ ᠲᠥᠪ ᠪᠠᠢ᠌ᠭᠤᠯᠵᠤ᠂ ᠪᠦᠬᠦ ᠬᠣᠲᠠ ᠵᠢᠨ ᠡᠯ᠎ᠡ ᠰᠠᠯᠠᠭ᠎ᠠ ᠮᠦᠴᠢᠷ᠎ᠲᠤ ᠲᠣᠭ᠎ᠠ ᠪᠠᠷᠢᠮᠲᠠ ᠵᠢᠨ ᠵᠠᠳᠠᠯᠤᠯᠲᠠ᠂ ᠬᠠᠷᠢᠴᠠᠭᠤᠯᠤᠯ᠂ ᠠᠰᠠᠭᠤᠵᠤ ᠯᠠᠪᠯᠠᠬᠤ ᠵᠡᠷᠭᠡ ᠦᠢ᠍ᠯᠡᠴᠢᠯᠡᠭᠡ ᠬᠠᠩᠭ᠋ᠠᠪᠠ᠃
ᠡᠭᠦᠨ᠎ᠠᠴᠠ ᠭᠠᠳᠠᠨ᠎ᠠ᠂ ᠮᠠᠨ᠎ᠤ ᠬᠣᠲᠠ ᠪᠠᠰᠠ᠂ ᠤᠶᠤᠨᠳᠤ ᠵᠠᠮ ᠬᠠᠷᠢᠯᠴᠠᠭ᠋ᠠᠨ᠎ᠤ ᠡᠵᠡᠮᠳᠡᠨ ᠬᠠᠮᠢᠶᠠᠷᠬᠤ ᠲᠠᠪᠴᠠᠩ ᠪᠠᠢ᠌ᠭᠤᠯᠵᠤ᠂ ᠬᠣᠲᠠ ᠲᠣᠲᠣᠷᠠᠬᠢ ᠵᠠᠮ ᠬᠠᠷᠢᠯᠴᠠᠭ᠎ᠠ ᠵᠢ ᠬᠢᠨᠠᠨ ᠬᠠᠮᠢᠶᠠᠷᠬᠤ᠂ ᠲᠣᠬᠢᠷᠠᠭᠤᠯᠤᠨ ᠡᠵᠡᠮᠳᠡᠬᠦ ᠵᠢ ᠬᠡᠷᠡᠭᠵᠢᠭᠦᠯᠪᠡ; ᠭᠠᠵᠠᠷ ᠳᠣᠣᠷᠠᠬᠢ ᠬᠣᠭᠣᠯᠠᠢ ᠱᠤᠭᠤᠮ᠎ᠤᠨ ᠬᠠᠮᠢᠶᠠᠷᠤᠯᠲᠠ ᠵᠢᠨ ᠰᠢᠰᠲᠸᠮ ᠪᠠᠢ᠌ᠭᠤᠯᠵᠤ᠂ ᠭᠠᠵᠠᠷ ᠳᠣᠣᠷᠠᠬᠢ ᠬᠣᠭᠣᠯᠠᠢ ᠱᠤᠭᠤᠮ᠎ᠳᠤ ᠬᠦᠳᠡᠯᠦᠩᠭᠦᠢ ᠪᠠᠢ᠌ᠳᠠᠯ᠎ᠤᠨ ᠬᠠᠮᠢᠶᠠᠷᠤᠯᠲᠠ ᠬᠢᠵᠦ᠂ ᠰᠢᠷᠤᠢ ᠮᠣᠳᠣᠨ᠎ᠤ ᠪᠠᠷᠢᠯᠭ᠎ᠠ ᠵᠢᠨ ᠰᠠᠯᠠᠭ᠎ᠠ ᠮᠦᠴᠢᠷ᠎ᠲᠤ ᠲᠣᠭ᠎ᠠ ᠪᠠᠷᠢᠮᠲᠠ ᠵᠢᠨ ᠲᠦᠰᠢᠭ ᠲᠤᠯᠭ᠋ᠠᠭᠤᠷᠢ ᠬᠠᠩᠭ᠋ᠠᠵᠤ ᠦᠭᠪᠠ; ᠣᠷᠣᠨ ᠲᠤᠭᠤᠷᠢᠭ᠎ᠤᠨ ᠡᠷᠡᠭᠦᠯ ᠬᠠᠮᠠᠭ᠋ᠠᠯᠠᠯ᠎ᠤᠨ ᠮᠡᠳᠡᠭᠡ ᠵᠠᠩᠭᠢ ᠵᠢᠨ ᠲᠠᠪᠴᠠᠩ ᠪᠠᠢ᠌ᠭᠤᠯᠵᠤ᠂ ᠪᠦᠬᠦ ᠬᠣᠲᠠ ᠵᠢᠨ ᠡᠯᠸᠺᠲᠷᠤᠨ ᠡᠷᠡᠬᠦᠯ ᠴᠢᠬᠢᠷᠠᠭ᠎ᠤᠨ ᠳᠠᠩᠰᠠ ᠡᠪᠬᠢᠮᠡᠯ ᠪᠠ ᠡᠯᠸᠺᠲᠷᠤᠨ ᠡᠪᠡᠳᠴᠢᠨ᠎ᠤ ᠲᠡᠦᠬᠡ ᠵᠢᠨ ᠮᠡᠳᠡᠭᠡ ᠵᠠᠩᠭᠢ ᠵᠢᠨ ᠦᠢ᠍ᠯᠡᠴᠢᠯᠡᠭᠡ ᠵᠢ ᠬᠠᠮᠲᠤ᠎ᠪᠠᠷ ᠬᠦᠷᠳᠡᠬᠦ ᠵᠢ ᠪᠡᠶᠡᠯᠡᠭᠦᠯᠵᠦ᠂ ᠠᠷᠠᠳ᠎ᠤᠨ ᠡᠮᠨᠡᠯᠭᠡ ᠵᠢᠨ ᠬᠣᠷᠢᠶ᠎ᠠ᠂ ᠡᠬᠡ ᠨᠢᠯᠬᠠᠰ᠎ᠤᠨ ᠡᠮᠨᠡᠯᠭᠡ ᠵᠢᠨ ᠬᠣᠷᠢᠶ᠎ᠠ ᠵᠢᠴᠢ ᠪᠣᠢ ᠪᠦᠬᠦᠢ ᠨᠡᠢ᠌ᠭᠡᠮ ᠲᠣᠭᠤᠷᠢᠭ᠎ᠤᠨ ᠡᠮᠨᠡᠯᠭᠡ ᠵᠢᠨ ᠦᠢ᠍ᠯᠡᠴᠢᠯᠡᠭᠡᠨ᠎ᠤ ᠲᠥᠪ᠎ᠢ ᠵᠠᠯᠭ᠋ᠠᠵᠤ ᠣᠷᠣᠭᠣᠯᠪᠠ; ᠨᠡᠭᠦᠷᠡᠰᠦᠨ ᠠᠭᠤᠷᠬᠠᠢ ᠵᠢᠨ ᠬᠢᠨᠠᠨ ᠬᠠᠮᠢᠶᠠᠷᠤᠯᠲᠠ ᠵᠢᠨ ᠲᠠᠪᠴᠠᠩ ᠵᠡᠷᠭᠡ ᠮᠡᠳᠡᠭᠡ ᠵᠠᠩᠬᠢᠵᠢᠯᠠᠯᠳᠠ ᠵᠢᠨ ᠰᠢᠰᠲᠸᠮ᠎ᠢ ᠪᠠᠢ᠌ᠭᠤᠯᠪᠠ᠃
[ᠬᠦᠲᠦᠯᠦᠭᠴᠢ] ᠴᠢᠶᠠᠨ ᠡᠷᠬᠢᠯᠡᠭᠴᠢ ᠡ᠂ ᠣᠢ᠌ᠷ᠎ᠠ ᠵᠢᠨ ᠬᠡᠳᠦᠨ ᠵᠢᠯ᠎ᠳᠤ ᠦᠬᠠᠢ ᠬᠣᠲᠠ ᠮᠡᠳᠡᠭᠡ ᠵᠠᠩᠬᠢᠵᠢᠯᠠᠯᠳᠠ ᠵᠢᠨ ᠲᠠᠯ᠎ᠠ᠎ᠪᠠᠷ ᠣᠯᠠᠨ ᠠᠷᠪᠢᠨ ᠠᠵᠢᠯ ᠬᠢᠵᠡᠢ᠂ ᠤᠯᠤᠰ᠎ᠤᠨ ᠠᠷᠠᠳ᠎ᠲᠤ ᠠᠰᠢᠭ ᠬᠦᠷᠳᠡᠭᠡᠬᠦ ᠦᠯᠢᠭᠡᠷ ᠳᠠᠭᠤᠷᠢᠶᠠᠯ᠎ᠤᠨ ᠬᠣᠲᠠ ᠪᠣᠯᠣᠭᠰᠠᠨ᠎ᠤ ᠬᠤᠪᠢ᠎ᠳᠤ᠂ ᠬᠣᠲᠠ ᠵᠢᠨ ᠠᠷᠠᠳ᠎ᠤᠨ ᠠᠮᠢᠳᠤᠷᠠᠯ᠎ᠲᠤ ᠶᠠᠮᠠᠷ ᠬᠣᠪᠢᠷᠠᠯᠲᠠ ᠠᠪᠴᠢᠷᠠᠵᠤ ᠥᠭᠭᠦᠭᠰᠡᠨ ᠪᠣᠢ?
[ ᠴᠢᠶᠠᠨ ᠵᠢᠶᠠᠨ ᠭᠦᠸᠸ] ᠪᠢ ᠬᠣᠲᠠ ᠵᠢᠨ ᠠᠷᠠᠳ᠎ᠲᠤ ᠰᠢᠭᠤᠳ ᠲᠦᠷᠦᠭᠳᠡᠭᠰᠡᠨ ᠬᠣᠶᠠᠷ ᠬᠡᠰᠡᠭ ᠠᠭᠤᠯᠭ᠎ᠠ ᠵᠢ ᠲᠠᠨᠢᠯᠴᠠᠭᠤᠯᠤᠶ᠎ᠠ᠄ ᠨᠢᠭᠡ᠎ᠳᠤ ᠪᠦᠬᠦ ᠬᠣᠲᠠ ᠵᠢᠨ ᠦᠢ᠍ᠯᠡᠴᠢᠯᠡᠭᠡᠨ᠎ᠤ ᠳ᠋ᠢᠶᠠᠩᠬᠤᠸᠠ ᠵᠢ ᠨᠢᠭᠡᠳᠭᠡᠵᠦ᠂ 《ᠬᠣᠶᠠᠷ ᠱᠣᠭᠣᠮ᠎ᠤᠨ ᠦᠢ᠍ᠯᠡᠴᠢᠯᠡᠭᠡ》 ᠵᠢ ᠪᠦᠷᠢᠯᠳᠦᠭᠦᠯᠪᠡ᠃ ᠦᠬᠠᠢ ᠬᠣᠲᠠ ᠵᠢᠨ ᠠᠷᠠᠳ ᠵᠦᠪᠬᠡᠨ ᠬᠣᠶᠠᠷ ᠳ᠋ᠢᠶᠠᠩᠬᠤᠸᠠ ᠵᠢ ᠴᠡᠭᠡᠵᠢᠯᠡᠪᠡᠯ ᠪᠤᠯᠴᠢᠬᠠᠨ᠎ᠠ᠄ ᠲᠤᠬᠠᠢ᠌ᠯᠠᠪᠠᠯ ᠪᠠᠴᠢᠮ ᠦᠢ᠍ᠯᠡᠴᠢᠯᠡᠭᠡᠨ᠎ᠤ ᠳ᠋ᠢᠶᠠᠩᠬᠤᠸᠠ 《110》 ᠪᠠ ᠪᠠᠴᠢᠮ ᠪᠣᠰᠤ ᠦᠢ᠍ᠯᠡᠴᠢᠯᠡᠭᠡᠨ᠎ᠤ ᠳ᠋ᠢᠶᠠᠩᠬᠤᠸᠠ 《12345》 ᠪᠤᠯᠤᠨ᠎ᠠ᠃ 2013 ᠣᠨ᠎ᠤ 11 ᠳ᠋ᠦ᠍ᠭᠡᠷ ᠰᠠᠷ᠎ᠠ᠎ᠳᠤ᠂ ᠮᠠᠨ᠎ᠤ ᠬᠣᠲᠠ ᠵᠢᠨ ᠠᠷᠠᠳ᠎ᠤᠨ ᠦᠢ᠍ᠯᠡᠴᠢᠯᠡᠭᠡᠨ᠎ᠤ ᠰᠢᠭᠤᠳ ᠤᠲᠠᠰᠣ 《12345》 ᠨᠡᠪᠲᠡᠷᠡᠵᠦ᠂ ᠣᠯᠠᠨ ᠲᠦᠮᠡᠨ᠎ᠤ ᠤᠴᠢᠷ ᠪᠠᠢ᠌ᠪᠠᠯ ᠠᠯᠢ ᠰᠠᠯᠠᠭ᠎ᠠ ᠮᠦᠴᠢᠷ᠎ᠢ ᠡᠷᠢᠬᠦ᠎ᠪᠠᠨ ᠮᠡᠳᠡᠬᠦ ᠦᠭᠡᠢ᠂ ᠰᠠᠯᠠᠭ᠎ᠠ ᠮᠦᠴᠢᠷ᠎ᠢ ᠡᠷᠢᠬᠦ᠎ᠳᠤ ᠠᠯᠢ ᠳ᠋ᠢᠶᠠᠩᠬᠤᠸᠠ᠎ᠪᠠᠷ ᠤᠳᠠᠰᠤᠳᠠᠬᠤ ᠵᠢ ᠮᠡᠳᠡᠬᠦ ᠦᠭᠡᠢ ᠪᠠᠢ᠌ᠭᠰᠠᠨ ᠠᠰᠠᠭᠤᠳᠠᠯ᠎ᠢ ᠰᠢᠢ᠍ᠳᠪᠦᠷᠢᠯᠡᠵᠦ᠂ ᠬᠣᠲᠠ ᠵᠢᠨ ᠠᠷᠠᠳ ᠪᠠ ᠭᠠᠳᠠᠨ᠎ᠠ ᠣᠷᠣᠨ᠎ᠠᠴᠠ ᠢᠷᠡᠭᠰᠡᠨ ᠬᠥᠮᠦᠰ᠎ᠲᠤ 7 ×24 ᠴᠠᠭ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠢ ᠯᠠᠪᠯᠠᠬᠤ᠂ ᠠᠷᠠᠳ᠎ᠲᠤ ᠳᠥᠭᠦᠮ ᠦᠵᠡᠭᠦᠯᠬᠦ ᠦᠢ᠍ᠯᠡᠴᠢᠯᠡᠭᠡ ᠭᠦᠢ᠍ᠴᠡᠳᠬᠡᠬᠦ᠂ ᠢᠯᠡᠴᠢᠯᠡᠨ ᠵᠠᠭ᠋ᠠᠯᠳᠤᠬᠤ᠂ ᠬᠣᠲᠠ ᠵᠢᠨ ᠬᠠᠮᠢᠶᠠᠷᠤᠯᠲᠠ ᠵᠢᠨ ᠬᠣᠯᠪᠤᠭ᠋ᠠᠯᠠᠬᠤ᠂ ᠭᠡᠷ᠎ᠳᠡᠭᠡᠨ ᠬᠤᠴᠤᠷᠤᠭᠰᠠᠨ ᠨᠠᠰᠤᠳᠠᠳᠢ ᠠᠰᠠᠷᠠᠬᠤ ᠦᠢ᠍ᠯᠡᠴᠢᠯᠡᠭᠡ ᠵᠡᠷᠭᠡ ᠣᠯᠠᠨ ᠲᠦᠷᠦᠯ᠎ᠤᠨ ᠦᠢ᠍ᠯᠡᠴᠢᠯᠡᠭᠡ ᠬᠠᠩᠭ᠋ᠠᠵᠤ᠂ ᠡᠭᠦᠨ᠎ᠤ ᠬᠠᠮᠲᠤ ᠢᠨᠲᠸᠷ ᠰᠦᠯᠵᠢᠶ᠎ᠡ ᠪᠠ ᠸᠢᠴᠠᠲ᠎ᠤᠨ ᠰᠠᠭᠤᠳᠠᠯ ᠨᠡᠪᠲᠡᠷᠡᠭᠦᠯᠵᠦ᠂ ᠳ᠋ᠢᠶᠠᠩᠬᠤᠸᠠ᠂ ᠰᠦᠯᠵᠢᠶ᠎ᠡ᠂ ᠸᠢᠴᠠᠲ ᠵᠡᠷᠭᠡ ᠣᠯᠠᠨ ᠠᠷᠭ᠎ᠠ ᠵᠠᠮ᠎ᠤᠨ ᠦᠢ᠍ᠯᠡᠴᠢᠯᠡᠭᠡ ᠵᠢ ᠪᠡᠶᠡᠯᠡᠭᠦᠯᠪᠡ᠃ 2014 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠤᠯᠳᠠᠯ᠎ᠠ᠂ ᠲᠠᠪᠴᠠᠩ᠎ᠨᠢ ᠨᠢᠭᠡᠨᠲᠠ 56 ᠵᠣᠷᠪᠣᠰ ᠰᠢᠭᠤᠳ ᠤᠳᠠᠰᠤ ᠵᠢ ᠨᠢᠭᠡᠳᠭᠡᠪᠡ᠃ ᠬᠣᠲᠠ ᠵᠢᠨ ᠠᠷᠠᠳ᠎ᠤᠨ ᠦᠢ᠍ᠯᠡᠴᠢᠯᠡᠭᠡᠨ᠎ᠤ ᠰᠢᠭᠤᠳ ᠤᠲᠠᠰᠤ 《12345》 ᠵᠢᠨ ᠳᠠᠭᠤᠳᠠᠯᠭ᠎ᠠ ᠵᠢᠨ ᠬᠡᠮᠵᠢᠶ᠎ᠡ᠎ᠨᠢ ᠨᠢᠭᠡᠨᠲᠡ 65831 ᠬᠦᠮᠦᠨ ᠤᠳᠠᠭ᠎ᠠ᠎ᠳᠤ ᠲᠣᠭ᠎ᠠ ᠬᠦᠷᠴᠦ᠂ ᠡᠭᠦᠨ ᠳᠤ 34910 ᠵᠢ᠎ᠨᠢ ᠬᠦᠯᠢᠶᠡᠨ ᠠᠪᠴᠤ᠂ 30516 ᠵᠢ᠎ᠨᠢ ᠭᠠᠷᠳᠠᠨ ᠭᠦᠢ᠍ᠴᠡᠳᠭᠡᠵᠦ᠂ ᠭᠠᠷᠳᠠᠨ ᠭᠦᠢ᠍ᠴᠡᠳᠭᠡᠭᠰᠡᠨ ᠨᠣᠷᠮ᠎ᠠ ᠨᠢ 87.41% ᠬᠦᠷᠪᠡ ;20096 ᠵᠢ᠎ᠨᠢ ᠰᠠᠯᠠᠭ᠎ᠠ ᠮᠦᠴᠢᠷ᠎ᠲᠤ ᠭᠦᠢ᠍ᠴᠡᠳᠭᠡᠯᠭᠡᠬᠦ᠎ᠪᠠᠷ ᠰᠢᠯᠵᠢᠭᠦᠯᠵᠦ᠂ 16039 ᠵᠢ᠎ᠨᠢ ᠭᠠᠷᠳᠠᠨ ᠭᠦᠢ᠍ᠴᠡᠳᠭᠡᠵᠦ᠂ ᠭᠠᠷᠳᠠᠨ ᠭᠦᠢ᠍ᠴᠡᠳᠭᠡᠭᠰᠡᠨ ᠨᠣᠷᠮ᠎ᠠ᠎ᠨᠢ 79.81%᠎ᠳᠤ ᠬᠦᠷᠪᠡ᠃ ᠡᠭᠦᠨ᠎ᠤ ᠬᠠᠮᠲᠤ᠂ ᠬᠣᠲᠠ ᠵᠢᠨ ᠠᠷᠠᠳ᠎ᠤᠨ ᠦᠢ᠍ᠯᠡᠴᠢᠯᠡᠭᠡᠨ᠎ᠤ ᠰᠢᠭᠤᠳ ᠤᠲᠠᠰᠤ 《12345》᠎ᠳᠤ ᠰᠠᠭᠤᠷᠢᠯᠠᠨ᠂ ᠠᠵᠤ ᠠᠬᠤᠢ᠌ᠯᠠᠯ᠎ᠤᠨ ᠠᠵᠢᠯᠯᠠᠭ᠎ᠠ᠎ᠳᠤ ᠲᠦᠰᠢᠭᠯᠡᠨ᠂ ᠬᠣᠲᠠ ᠵᠢᠨ ᠠᠷᠠᠳ᠎ᠲᠤ ᠬᠤᠳᠠᠯᠳᠤᠭ᠋ᠠᠨ᠎ᠤ ᠶᠠᠪᠤᠳᠠᠯ᠎ᠤᠨ ᠲᠣᠬᠢᠷᠠᠭᠤᠯᠤᠨ ᠬᠦᠷᠭᠡᠬᠦ ᠦᠢ᠍ᠯᠡᠴᠢᠯᠡᠭᠡ ᠬᠠᠩᠭ᠋ᠠᠪᠠ ᠃ ᠲᠠᠪᠴᠠᠩ᠎ᠨᠢ ᠬᠠᠪᠲᠠᠭ᠋ᠠᠢ᠌ᠴᠢᠯᠠᠭᠰᠠᠨ ᠬᠠᠮᠢᠶᠠᠷᠤᠯᠲᠠ ᠵᠢᠨ ᠵᠠᠭᠪᠤᠷ᠎ᠢ ᠠᠰᠢᠭᠯᠠᠵᠤ᠂ ᠲᠠᠪᠴᠠᠩ᠎ᠠᠴᠠ ᠬᠣᠲᠠ᠂ ᠲᠣᠭᠤᠷᠢᠭ᠎ᠤᠨ ᠡᠯ᠎ᠡ ᠰᠠᠯᠠᠭ᠎ᠠ ᠮᠦᠴᠢᠷ᠎ᠢ ᠰᠢᠭᠤᠳ ᠵᠢᠯᠤᠭᠤᠳᠬᠤ ᠵᠢᠨ ᠳᠠᠭ᠋ᠠᠤ᠂ ᠬᠢᠨᠠᠨ ᠰᠢᠯᠭ᠋ᠠᠬᠤ᠂ ᠬᠢᠨᠠᠯᠲᠠ ᠲᠠᠯᠪᠢᠬᠤ ᠲᠣᠭᠲᠠᠴᠠ ᠵᠢ ᠪᠦᠷᠢᠯᠳᠦᠭᠦᠯᠪᠡ᠃ ᠣᠳᠣᠬᠠᠨ᠎ᠳᠤ ᠬᠣᠲᠠ ᠵᠢᠨ ᠠᠷᠠᠳ᠎ᠤᠨ ᠰᠢᠭᠤᠳ ᠤᠲᠠᠰᠤ 《12345》 ᠵᠢᠨ ᠠᠵᠢᠯᠯᠠᠭ᠎ᠠ᠎ᠨᠢ ᠮᠠᠰᠢ ᠰᠠᠢ᠌ᠨ ᠪᠠᠢ᠌ᠵᠤ᠂ ᠣᠯᠠᠨ ᠲᠦᠮᠡᠨ᠎ᠤ ᠤᠴᠢᠷ ᠶᠠᠪᠤᠳᠠᠯ ᠭᠦᠢ᠍ᠴᠡᠳᠬᠡᠬᠦ᠂ ᠯᠠᠪᠯᠠᠬᠤ᠎ᠳᠤ ᠳᠦᠬᠦᠮ ᠦᠵᠡᠭᠦᠯᠵᠦ᠂ ᠣᠯᠠᠨ ᠲᠦᠮᠡᠨ᠎ᠤ ᠰᠠᠢ᠌ᠨ ᠦᠨᠡᠯᠡᠯᠲᠡ ᠵᠢ ᠤᠯᠵᠢ ᠪᠠᠢ᠌ᠨ᠎ᠠ᠃
ᠬᠤᠶᠠᠷ᠎ᠲᠤ ᠪᠣᠯ ᠣᠯᠠᠨ ᠨᠡᠢ᠌ᠲᠡ ᠵᠢᠨ ᠲᠠᠯᠠᠪᠤᠷ᠎ᠤᠨ ᠦᠨ᠎ᠡ ᠲᠦᠯᠦᠪᠦᠷᠢ ᠦᠭᠡᠢ WLAN ᠨᠢ ᠮᠠᠨ᠎ᠤ ᠬᠣᠲᠠ ᠵᠢᠨ ᠭᠠᠯᠲᠤ ᠲᠡᠷᠭᠡᠨ ᠦᠷᠲᠡᠭᠡ᠂ ᠨᠢᠰᠬᠡᠯ᠎ᠤᠨ ᠪᠠᠭᠤᠳᠠᠯ᠂ ᠴᠡᠴᠡᠷᠯᠢᠭ ᠵᠡᠷᠭᠡ ᠣᠯᠠᠨ ᠨᠡᠢ᠌ᠲᠡ ᠵᠢᠨ12 ᠲᠤᠮᠤ ᠲᠠᠯᠠᠪᠤᠷ᠎ᠢ ᠪᠦᠷᠬᠦᠵᠦ᠂ ᠣᠯᠠᠨ ᠨᠡᠢ᠌ᠲᠡ ᠵᠢᠨ ᠲᠠᠯᠠᠪᠤᠷ ᠪᠣᠯᠭ᠋ᠠᠨ᠎ᠳᠤ WIFI ᠵᠢᠨ ᠳᠣᠬᠢᠶᠠᠨ᠎ᠤ ᠪᠦᠷᠬᠦᠴᠡ ᠵᠢ ᠪᠡᠶᠡᠯᠡᠭᠦᠯᠵᠦ᠂ ᠬᠡᠷᠡᠭᠯᠡᠭᠴᠢᠳ ᠦᠨ᠎ᠡ ᠲᠦᠯᠦᠪᠦᠷᠢ ᠦᠭᠡᠢ᠎ᠪᠠᠷ ᠲᠦᠷᠭᠡᠨ ᠬᠤᠷᠳᠤᠴᠠᠲᠤ ᠰᠢᠯᠵᠢᠮᠡᠯ ᠢᠨᠲᠸᠷ ᠰᠦᠯᠵᠢᠶᠡᠨ᠎ᠤ ᠦᠢ᠍ᠯᠡᠴᠢᠯᠡᠭᠡ ᠬᠦᠷᠳᠡᠬᠦ ᠪᠤᠯᠭ᠋ᠠᠵᠠᠢ᠃ ᠢᠩᠬᠢᠭᠰᠡᠨ ᠵᠶ᠋ᠡᠷ᠂ ᠬᠣᠲᠠ ᠵᠢᠨ ᠠᠷᠠᠳ᠎ᠲᠤ ᠮᠡᠳᠡᠭᠡ ᠵᠠᠩᠬᠢᠵᠢᠯᠠᠯᠳᠠ ᠵᠢᠨ ᠦᠷ᠎ᠡ ᠪᠦᠲᠦᠭᠡᠯ᠎ᠢ ᠬᠦᠷᠳᠡᠭᠡᠭᠰᠡᠨ ᠵᠶ᠋ᠡᠷ ᠪᠠᠷᠠᠬᠤ ᠦᠭᠡᠢ᠂ ᠪᠠᠰᠠ ᠬᠣᠲᠠ ᠵᠢᠨ ᠠᠷᠠᠳ᠎ᠤᠨ ᠮᠡᠳᠡᠭᠡ ᠵᠠᠩᠭᠢ ᠵᠢᠨ ᠬᠡᠷᠡᠭᠯᠡᠭᠡᠨ᠎ᠤ ᠱᠠᠭ᠋ᠠᠷᠳᠠᠯᠭ᠎ᠠ ᠵᠢ ᠪᠣᠢ᠌ᠵᠢᠭᠤᠯᠪᠠ᠃
[ᠬᠦᠲᠦᠯᠦᠭᠴᠢ] ᠦᠬᠠᠢ ᠬᠣᠲᠠ ᠨᠡᠢ᠌ᠭᠡᠮ ᠲᠣᠭᠣᠷᠢᠭ᠎ᠤᠨ ᠮᠡᠳᠡᠭᠡ ᠵᠠᠩᠬᠢᠵᠢᠯᠠᠯᠳᠠ ᠵᠢᠨ ᠪᠦᠲᠦᠭᠡᠨ ᠪᠠᠢ᠌ᠭᠤᠯᠤᠯᠲᠠ ᠵᠢᠨ ᠲᠠᠯ᠎ᠠ᠎ᠪᠠᠷ ᠶᠠᠮᠠᠷ ᠦᠷ᠎ᠡ ᠪᠦᠲᠦᠭᠡᠯ ᠣᠯᠣᠭᠰᠠᠨ ᠪᠣᠢ?
[ᠴᠢᠶᠠᠨ ᠵᠢᠶᠠᠨ ᠭᠦᠸᠸ] ᠭᠣᠣᠯᠳᠠᠭᠤ ᠬᠣᠶᠠᠷ ᠲᠠᠪᠴᠠᠩ ᠪᠠᠢ᠌ᠭᠤᠯᠪᠠ᠄ ᠨᠢᠭᠡ᠎ᠨᠢ ᠤᠶᠤᠨᠳᠤ ᠬᠤᠳᠠ ᠵᠢᠨ ᠠᠷᠠᠳ᠎ᠤᠨ ᠠᠮᠢᠳᠤᠷᠠᠯ᠎ᠤᠨ ᠦᠢ᠍ᠯᠡᠴᠢᠯᠡᠭᠡᠨ᠎ᠤ ᠲᠠᠪᠴᠠᠩ ᠪᠤᠯᠤᠨ᠎ᠠ᠃ ᠮᠠᠨ᠎ᠤ ᠬᠣᠲᠠ ᠵᠢᠨ ᠮᠡᠳᠡᠭᠡ ᠵᠠᠩᠬᠢᠵᠢᠯᠠᠯᠳᠠ ᠵᠢᠨ ᠬᠦᠭᠵᠢᠯᠲᠡ ᠵᠢᠨ ᠦᠯᠢᠭᠡᠷ ᠬᠡᠪ᠎ᠢ ᠡᠭᠦᠳᠤᠨ ᠰᠢᠨᠡᠴᠢᠯᠡᠵᠦ᠂ ᠬᠣᠲᠠ᠎ᠪᠠᠷ ᠬᠠᠮᠢᠶᠠᠷᠤᠯᠲᠠ ᠵᠢᠨ ᠨᠢᠭᠡᠴᠡ ᠪᠣᠯᠭ᠋ᠠᠵᠤ᠂ ᠦᠬᠠᠢ ᠵᠢᠨ ᠤᠶᠤᠨᠳᠤ ᠬᠣᠲᠠ ᠵᠢᠨ ᠠᠷᠠᠳ᠎ᠤᠨ ᠠᠮᠢᠳᠤᠷᠠᠯ᠎ᠤᠨ ᠦᠢ᠍ᠯᠡᠴᠢᠯᠡᠭᠡᠨ᠎ᠤ ᠲᠠᠪᠴᠠᠩ᠎ᠢ ᠪᠠᠢ᠌ᠭᠤᠯᠪᠠ᠃ ᠲᠠᠪᠴᠠᠩ᠎ᠨᠢ ᠨᠡᠢ᠌ᠭᠡᠮ ᠲᠣᠭᠤᠷᠢᠭ᠂ ᠪᠠᠯᠭ᠋ᠠᠰᠤ ᠵᠢᠨ ᠠᠯᠪᠠᠨ ᠭᠡᠷ᠂ ᠲᠤᠭᠤᠷᠢᠭ᠎ᠤᠨ ᠱᠠᠳᠤ ᠪᠠ ᠬᠣᠲᠠ ᠵᠢᠨ ᠱᠠᠳᠤ ᠵᠡᠷᠭᠡ ᠳᠦᠷᠪᠡᠨ ᠱᠠᠳᠤᠨ᠎ᠤ ᠪᠠᠢ᠌ᠭᠤᠯᠤᠮᠵᠢ ᠵᠢᠨ ᠡᠳᠦᠷ ᠲᠣᠲᠤᠮ᠎ᠤᠨ ᠠᠵᠢᠯ᠎ᠤᠨ ᠴᠤᠪᠤᠷᠠᠯ ᠶᠣᠰᠤᠭ᠋ᠠᠷ᠂ ᠨᠡᠢ᠌ᠭᠡᠮ ᠲᠣᠭᠤᠷᠢᠭ ᠨᠢᠭᠡᠳᠦᠯᠳᠡᠢ ᠲᠣᠭ᠎ᠠ ᠪᠠᠷᠢᠮᠲᠠ ᠴᠤᠭᠯᠠᠭᠤᠯᠵᠤ᠂ ᠪᠤᠰᠤᠳ ᠰᠠᠯᠠᠭ᠎ᠠ ᠮᠦᠴᠢᠷ᠎ᠨᠢ ᠨᠡᠢ᠌ᠭᠡᠮ ᠲᠣᠭᠤᠷᠢᠭ᠎ᠲᠤ ᠴᠤᠭᠯᠠᠭᠤᠯᠬᠤ ᠡᠭᠦᠷᠭᠡ ᠪᠠᠢ᠌ᠷᠢᠯᠠᠭᠤᠯᠬᠤ᠎ᠪᠠᠨ ᠪᠤᠯᠢᠵᠦ᠂ ᠵᠦᠪᠬᠡᠨ ᠲᠣᠭ᠎ᠠ ᠪᠠᠷᠢᠮᠲᠠ ᠵᠢᠨ ᠬᠦᠮᠦᠷᠭᠡ᠎ᠠᠴᠠ ᠲᠣᠭ᠎ᠠ ᠪᠠᠷᠢᠮᠲᠠ ᠭᠠᠷᠭ᠋ᠠᠵᠤ ᠠᠪᠤᠪᠠᠯ ᠪᠣᠯᠴᠢᠬᠠᠨ᠎ᠠ᠂ ᠡᠨᠡ᠎ᠨᠢ ᠨᠡᠢ᠌ᠭᠡᠮ ᠲᠣᠭᠤᠷᠢᠭ᠎ᠤᠨ ᠠᠵᠢᠯ᠎ᠤᠨ ᠬᠡᠮᠵᠢᠶ᠎ᠡ ᠵᠢ ᠶᠡᠬᠡᠪᠡᠷ ᠬᠦᠩᠭᠡᠯᠡᠵᠦ᠂ ᠲᠣᠭ᠎ᠠ ᠪᠠᠷᠢᠮᠲᠠ ᠵᠢᠨ ᠣᠨᠤᠪᠴᠢᠳᠤ ᠴᠢᠨᠠᠷ᠎ᠢ ᠳᠡᠭᠡᠭᠰᠢᠯᠡᠭᠦᠯᠪᠡ᠃ ᠲᠠᠪᠴᠠᠩ᠎ᠨᠢ ᠭᠤᠯᠳᠤ ᠴᠢᠭᠯᠡᠯ᠎ᠤᠨ ᠳᠡᠭᠡᠳᠦ ᠱᠠᠲᠤᠨ᠎ᠤ ᠲᠤᠬᠠᠢ᠌ᠯᠠᠭᠰᠠᠨ ᠠᠵᠢᠯ᠎ᠤᠨ ᠰᠠᠯᠠᠭ᠎ᠠ ᠮᠦᠴᠢᠷ᠎ᠢ ᠵᠤᠯᠭ᠋ᠠᠯᠳᠤᠭᠤᠯᠵᠦ᠂ ᠱᠠᠭ᠋ᠠᠷᠳᠠᠯᠭ᠎ᠠ ᠶᠣᠰᠣᠭ᠋ᠠᠷ ᠲᠣᠭ᠎ᠠ ᠪᠠᠷᠢᠮᠲᠠ ᠵᠢᠨ ᠦᠢ᠍ᠯᠡᠴᠢᠯᠡᠭᠡ ᠬᠠᠩᠭ᠋ᠠᠪᠠ᠃ ᠲᠣᠭ᠎ᠠ ᠪᠠᠷᠢᠮᠲᠠ ᠵᠢᠨ ᠡᠬᠢ ᠪᠠᠶᠠᠯᠢᠭ᠎ᠤᠨ ᠬᠦᠮᠦᠷᠭᠡ᠎ᠨᠢ ᠣᠳᠤᠬᠠᠨ᠎ᠳᠤ ᠪᠦᠬᠦ ᠬᠣᠲᠠ ᠵᠢᠨ ᠪᠠᠢ᠌ᠩᠭᠤ ᠰᠠᠭᠣᠭ᠎ᠠ ᠡᠷᠤᠬᠡ ᠠᠮᠠ᠂ ᠨᠡᠢ᠌ᠭᠡᠮ᠎ᠤᠨ ᠳᠠᠭ᠋ᠠᠳᠬᠠᠯ᠂ ᠲᠦᠯᠦᠪᠯᠡᠭᠡᠳᠦ ᠦᠷᠡᠵᠢᠯ᠂ ᠲᠡᠷᠭᠡ ᠬᠦᠰᠭᠡ᠂ ᠠᠭ᠋ᠠᠷ᠎ᠤᠨ ᠠᠶᠠᠯᠠᠯ᠎ᠤᠨ ᠨᠢᠰᠤᠯᠳᠠ ᠵᠡᠷᠭᠡ ᠲᠣᠭ᠎ᠠ ᠪᠠᠷᠢᠮᠲᠠ ᠵᠢᠨ ᠡᠬᠢ ᠪᠠᠶᠠᠯᠢᠭ᠎ᠢ ᠬᠠᠮᠤᠷᠴᠤ ᠂ ᠬᠣᠲᠠ ᠲᠣᠭᠤᠷᠢᠭ᠎ᠤᠨ ᠰᠠᠯᠠᠭ᠎ᠠ ᠮᠦᠴᠢᠷ᠎ᠤᠨ ᠲᠣᠬᠠᠢ᠌ᠯᠠᠭᠰᠠᠨ ᠠᠵᠢᠯ᠎ᠳᠤ ᠦᠢ᠍ᠯᠡᠴᠢᠯᠡᠭᠡ ᠬᠠᠩᠭ᠋ᠠᠵᠤ᠂ ᠲᠣᠬᠠᠢ᠌ᠯᠠᠪᠠᠯ ᠳᠣᠣᠷ᠎ᠠ ᠪᠠᠳᠤᠯᠠᠭ᠎ᠠ ᠵᠢᠨ ᠬᠢᠨᠠᠨ ᠵᠥᠪᠰᠢᠶᠡᠷᠡᠯ᠂ ᠶᠠᠳᠠᠭᠤ ᠵᠢ ᠳᠡᠳᠬᠦᠬᠦ᠂ ᠠᠵᠢᠯ ᠣᠯᠭᠣᠬᠤ᠂ ᠨᠡᠢ᠌ᠭᠡᠮ᠎ᠤᠨ ᠳᠠᠭ᠋ᠠᠳᠬᠠᠯ ᠵᠡᠷᠭᠡ ᠲᠣᠬᠠᠢ᠌ᠯᠠᠭᠰᠠᠨ ᠠᠵᠢᠯ᠎ᠳᠤ ᠳᠡᠮᠵᠢᠯᠭᠡ ᠬᠠᠩᠭ᠋ᠠᠪᠠ᠃
ᠨᠦᠭᠦᠬᠡ᠎ᠨᠢ ᠤᠶᠤᠨᠳᠤ ᠬᠤᠳᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ ᠪᠤᠯᠤᠨ᠎ᠠ᠃ ᠮᠠᠨ᠎ᠤ ᠬᠣᠲᠠ᠎ᠨᠢ ᠬᠣᠲᠠ ᠲᠣᠭᠣᠷᠢᠭ᠎ᠤᠨ ᠬᠣᠶᠠᠷ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ ᠢ ᠨᠢᠭᠡᠨᠲᠡ ᠪᠠᠢ᠌ᠭᠤᠯᠤᠭᠳᠠᠭᠰᠠᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠢᠰᠲᠸᠮ᠎ᠲᠠᠢ ᠨᠢᠭᠡᠳᠬᠡᠵᠦ᠂ ᠨᠢᠭᠡᠳᠦᠯᠳᠡᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ ᠪᠠᠢ᠌ᠭᠤᠯᠤᠨ᠂ ᠵᠠᠰᠠᠭ᠎ᠤᠨ ᠶᠠᠪᠤᠳᠠᠯ᠎ᠤᠨ ᠲᠣᠭ᠎ᠠ ᠪᠠᠷᠢᠮᠲᠠ ᠵᠢᠨ ᠲᠥᠪ ᠵᠶ᠋ᠡᠷ ᠳᠠᠮᠵᠢᠨ ᠡᠯ᠎ᠡ ᠵᠦᠪᠯᠡᠯ ᠠᠯᠪᠠᠨ ᠭᠡᠷ ᠲᠣᠪᠴᠢᠶ᠎ᠠ ᠵᠢᠨ ᠲᠣᠭ᠎ᠠ ᠪᠠᠷᠢᠮᠲᠠ ᠵᠢᠨ ᠭᠠᠭᠴᠠᠭ᠋ᠠᠷᠳᠠᠯᠢ ᠦᠬᠡᠢ᠌ᠰᠭᠡᠵᠦ᠂ ᠬᠢᠨᠠᠨ ᠵᠥᠪᠰᠢᠶᠡᠷᠡᠬᠦ ᠲᠣᠭ᠎ᠠ ᠪᠠᠷᠢᠮᠲᠠ ᠵᠢ ᠬᠠᠷᠢᠯᠴᠠᠨ ᠨᠡᠪᠲᠡᠷᠡᠯᠴᠡᠨ ᠬᠠᠮᠲᠤ᠎ᠪᠠᠷ ᠬᠦᠷᠳᠡᠬᠦ ᠵᠢ ᠪᠡᠶᠡᠯᠡᠭᠦᠯᠵᠦ᠂ ᠬᠣᠲᠠ ᠵᠢᠨ ᠠᠷᠠᠳ᠎ᠤᠳ ᠣᠷᠣᠨ ᠪᠦᠰᠡ ᠠᠯᠤᠰᠯᠠᠨ ᠤᠴᠢᠷ ᠶᠠᠪᠤᠳᠠᠯ᠎ᠢ ᠬᠦᠢ᠍ᠴᠡᠳᠭᠡᠵᠦ ᠪᠤᠯᠬᠤ ᠪᠤᠯᠭ᠋ᠠᠪᠠ᠃ ᠡᠭᠦᠨ᠎ᠤ ᠬᠠᠮᠲᠤ᠂ ᠲᠠᠪᠴᠠᠩ᠎ᠨᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠬᠠᠢ᠌ᠯᠠᠭᠰᠠᠨ ᠠᠵᠢᠯ᠎ᠤᠨ ᠦᠷᠭᠡᠵᠢᠬᠦ ᠴᠢᠨᠠᠷ ᠪᠠ ᠬᠣᠯᠪᠤᠭ᠋ᠠᠯᠠᠨ ᠬᠦᠳᠡᠯᠦᠯᠴᠡᠬᠦ ᠴᠢᠨᠠᠷᠲᠠᠢ ᠪᠠᠢ᠌ᠵᠤ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠬᠡᠷᠡᠭ ᠡᠷᠬᠢᠯᠡᠬᠦ ᠭᠠᠵᠠᠷ᠂ ᠨᠡᠢ᠌ᠭᠡᠮ ᠲᠣᠭᠤᠷᠢᠭ ᠬᠦᠷᠲᠡᠯ᠎ᠡ ᠥᠷᠭᠡᠳᠭᠡᠨ ᠭᠦᠢ᠍ᠴᠡᠳᠭᠡᠬᠦ ᠪᠤᠯᠭ᠋ᠠᠵᠦ᠂ ᠬᠡᠷᠡᠭ ᠶᠠᠪᠤᠳᠠᠯ ᠭᠦᠢ᠍ᠴᠡᠳᠭᠡᠬᠦ ᠴᠤᠪᠤᠷᠠᠯ᠎ᠢ ᠬᠠᠮᠣᠭ᠎ᠤᠨ ᠶᠡᠬᠡ ᠬᠡᠮᠵᠢᠶ᠎ᠡ᠎ᠪᠠᠷ ᠪᠤᠭᠤᠨᠢᠰᠬᠠᠵᠦ᠂ ᠠᠷᠠᠳ ᠢᠷᠭᠡᠳ᠎ᠤᠨ ᠤᠴᠢᠷ ᠶᠠᠪᠤᠳᠠᠯ ᠭᠦᠢ᠍ᠴᠡᠳᠭᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠪᠠ᠃
[ᠬᠦᠲᠦᠯᠦᠭᠴᠢ] ᠤᠶᠤᠨᠳᠤ ᠬᠣᠲᠠ᠎ᠠᠴᠠ ᠮᠡᠳᠡᠭᠡ ᠵᠠᠩᠭᠢ᠎ᠪᠠᠷ ᠠᠷᠠᠳ᠎ᠲᠤ ᠠᠰᠢᠭ ᠬᠦᠷᠳᠡᠬᠡᠬᠦ ᠬᠣᠲᠠ ᠪᠤᠯᠳᠠᠯ᠎ᠠ᠂ ᠲᠠᠨ᠎ᠤ ᠦᠵᠡᠬᠦ᠎ᠪᠠᠷ ᠦᠬᠠᠢ ᠬᠣᠲᠠ ᠵᠢᠨ ᠮᠡᠳᠡᠭᠡ ᠵᠠᠩᠭᠢᠵᠢᠯᠠᠯᠳᠠ ᠵᠢᠨ ᠪᠦᠲᠦᠭᠡᠨ ᠪᠠᠢ᠌ᠭᠤᠯᠤᠯᠲᠠ᠎ᠳᠤ ᠪᠠᠰᠠ ᠶᠠᠮᠠᠷ ᠠᠰᠠᠭᠤᠳᠠᠯ ᠣᠷᠣᠰᠢᠵᠤ ᠪᠠᠢ᠌ᠭ᠎ᠠ ᠪᠤᠢ? ᠬᠡᠷᠬᠢᠨ ᠰᠢᠢ᠍ᠳᠪᠦᠷᠢᠯᠡᠬᠦ ᠪᠤᠢ? ᠳᠠᠷᠠᠭ᠋ᠠᠴᠢ ᠵᠢᠨ ᠠᠯᠬᠤᠮ᠎ᠳᠤ᠂ ᠦᠬᠠᠢ ᠬᠤᠲᠠ ᠪᠠᠰᠠ ᠶᠠᠮᠠᠷ ᠶᠠᠩᠵᠤ ᠵᠢᠨ ᠲᠦᠷᠦᠯ ᠵᠦᠢ᠍ᠯ᠎ᠢ ᠪᠦᠲᠦᠭᠡᠨ ᠪᠠᠢ᠌ᠭᠤᠯᠵᠤ ᠤᠶᠤᠨᠳᠤ ᠬᠣᠲᠠ ᠵᠢᠨ ᠪᠦᠲᠦᠭᠡᠨ ᠪᠠᠢ᠌ᠭᠤᠯᠤᠯᠲᠠ ᠵᠢ ᠪᠠᠶᠠᠯᠢᠭᠵᠢᠭᠤᠯᠬᠤ ᠪᠤᠢ?
[ ᠴᠢᠶᠠᠨ ᠵᠢᠶᠠᠨ ᠭᠦᠸᠸ] ᠣᠷᠴᠢᠮ᠎ᠤᠨ ᠵᠢᠯ᠎ᠤᠳ᠎ᠲᠤ᠂ ᠮᠠᠨ᠎ᠤ ᠬᠣᠲᠠ ᠮᠡᠳᠡᠭᠡ ᠵᠠᠩᠭᠢ᠎ᠪᠠᠷ ᠠᠷᠠᠳ᠎ᠲᠤ ᠠᠰᠢᠭ ᠬᠦᠷᠳᠡᠭᠡᠬᠦ ᠠᠵᠢᠯ᠎ᠤᠨ ᠲᠠᠯ᠎ᠠ᠎ᠪᠠᠷ ᠨᠡᠯᠢᠶᠡᠳ ᠠᠮᠵᠢᠯᠲᠠ ᠤᠯᠪᠠ᠂ ᠭᠡᠪᠡᠴᠦ ᠪᠠᠰᠠ ᠰᠢᠢ᠍ᠳᠪᠦᠷᠢᠯᠡᠬᠦ ᠴᠢᠬᠤᠯᠠᠲᠠᠢ ᠵᠠᠷᠢᠮ ᠠᠰᠠᠭᠤᠳᠠᠯ ᠪᠠ ᠬᠦᠴᠢᠷᠳᠡᠯ ᠮᠦᠨᠬᠦ ᠣᠷᠣᠰᠢᠵᠤ ᠪᠣᠢ᠄ ᠮᠡᠳᠡᠭᠡ ᠵᠠᠩᠭᠢ ᠵᠢᠨ ᠡᠬᠢ ᠪᠠᠶᠠᠯᠢᠭ᠎ᠤᠨ ᠲᠠᠯ᠎ᠠ᠎ᠪᠠᠷ ᠮᠦᠨᠬᠦ ᠬᠡᠰᠡᠭᠯᠡᠨ ᠬᠣᠪᠢᠶᠠᠵᠤ ᠪᠠᠢ᠌ᠭ᠎ᠠ ᠪᠠᠢ᠌ᠳᠠᠯ ᠣᠷᠣᠰᠢᠵᠤ᠂ ᠬᠣᠲᠠ᠎ᠪᠠᠷ ᠪᠦᠬᠦᠯᠢ ᠴᠣᠭᠴᠠ ᠪᠣᠯᠭ᠋ᠠᠭᠰᠠᠨ ᠮᠡᠳᠡᠭᠡ ᠵᠠᠩᠭᠢ ᠵᠢᠨ ᠡᠬᠢ ᠪᠠᠶᠠᠯᠢᠭ᠎ᠢ ᠨᠢᠭᠡᠳᠭᠡᠬᠦ ᠦᠯᠢᠭᠡᠷ ᠬᠡᠪ᠎ᠨᠢ ᠳᠡᠭᠡᠳᠦ ᠱᠠᠲᠤᠨ᠎ᠤ ᠡᠯ᠎ᠡ ᠭᠤᠯᠳᠤ ᠴᠢᠭᠯᠡᠯ᠎ᠤᠨ ᠲᠣᠬᠠᠢ᠌ᠯᠠᠭᠰᠠᠨ ᠠᠵᠢᠯ᠎ᠤᠨ ᠰᠠᠯᠠᠭ᠎ᠠ ᠮᠦᠴᠢᠷ ᠯᠤᠭ᠎ᠠ ᠮᠡᠳᠡᠭᠡ ᠵᠠᠩᠭᠢ ᠵᠢᠨ ᠡᠬᠢ ᠪᠠᠶᠠᠯᠢᠭ᠎ᠢ ᠬᠠᠷᠢᠯᠴᠠᠨ ᠬᠠᠮᠲᠤᠪᠡᠷ ᠬᠦᠷᠳᠡᠬᠦ ᠪᠠ ᠨᠢᠭᠡᠳᠬᠡᠬᠦ᠎ᠳᠤ ᠨᠡᠯᠢᠶᠡᠳ ᠶᠡᠬᠡ ᠬᠦᠴᠢᠷᠳᠠᠯ᠎ᠲᠠᠢ ᠪᠠᠢ᠌ᠬᠤ᠎ᠨᠢ ᠮᠠᠨ᠎ᠤ ᠬᠣᠲᠠ ᠵᠢᠨ ᠮᠡᠳᠡᠭᠡ ᠵᠠᠩᠭᠢ᠎ᠪᠠᠷ ᠠᠷᠠᠳ᠎ᠲᠤ ᠠᠰᠢᠭ ᠬᠦᠷᠳᠡᠭᠡᠬᠦ ᠠᠵᠢᠯ᠎ᠳᠤ ᠲᠤᠯᠭ᠋ᠠᠷᠠᠭᠰᠠᠨ ᠴᠢᠬᠤᠯᠠ ᠪᠣᠭᠣᠮᠢ ᠪᠠ ᠬᠦᠴᠢᠷᠳᠡᠯ ᠪᠣᠯᠣᠨ᠎ᠠ᠃ ᠳᠠᠷᠠᠭ᠎ᠠ᠎ᠳᠤ᠎ᠨᠢ᠂ ᠤᠯᠠᠮᠵᠢᠯᠠᠯᠲᠤ ᠲᠣᠬᠠᠢ᠌ᠯᠠᠭᠰᠠᠨ ᠠᠵᠢᠯ᠎ᠳᠤ ᠰᠢᠨ᠎ᠡ ᠵᠢ ᠡᠭᠦᠳᠬᠦ ᠤᠬᠠᠮᠰᠠᠷ ᠲᠤᠲᠠᠭᠳᠠᠵᠤ᠂ ᠣᠳᠣ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ ᠪᠠ ᠮᠡᠳᠡᠭᠡ ᠵᠠᠩᠭᠢ ᠵᠢᠨ ᠡᠬᠢ ᠪᠠᠶᠠᠯᠢᠭ᠎ᠤᠨ ᠲᠤᠯᠭ᠋ᠠᠭᠤᠷᠢᠯᠠᠯ ᠳᠣᠣᠷ᠎ᠠ᠂ ᠴᠤᠪᠤᠷᠠᠯ᠎ᠨᠢ ᠪᠠᠰᠠ ᠯᠡ ᠶᠠᠷᠰᠢᠭ ᠪᠣᠳᠣᠯᠢᠶᠠᠨᠲᠠᠢ ᠪᠠᠢ᠌ᠵᠤ᠂ ᠴᠤᠪᠤᠷᠠᠯ᠎ᠤᠨ ᠳᠠᠬᠢᠨ ᠡᠭᠦᠳᠬᠦ ᠴᠢᠬᠤᠯᠠᠲᠠᠢ ᠪᠠᠢ᠌ᠨ᠎ᠠ᠃ ᠡᠭᠦᠨ᠎ᠤ ᠬᠠᠮᠲᠤ᠂ ᠰᠦᠯᠵᠢᠶ᠎ᠡ ᠵᠢᠨ ᠮᠡᠳᠡᠭᠡ ᠵᠠᠩᠭᠢ ᠵᠢᠨ ᠠᠮᠤᠷ ᠲᠦᠪᠰᠢᠨ᠎ᠤ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠬᠤ ᠴᠢᠬᠤᠯᠠᠲᠠᠢ ᠪᠠᠢ᠌ᠵᠤ᠂ ᠮᠡᠳᠡᠭᠡ ᠵᠠᠩᠭᠢ ᠵᠢᠨ ᠡᠬᠢ ᠪᠠᠶᠠᠯᠢᠭ᠎ᠤᠨ ᠨᠢᠭᠤᠴᠠ ᠵᠢᠨ ᠬᠡᠮᠵᠢᠶ᠎ᠡ᠎ᠳᠤ ᠨᠢᠭᠡᠳᠦᠯᠲᠡᠢ ᠪᠠᠷᠢᠮᠵᠢᠶ᠎ᠠ ᠪᠠ ᠪᠤᠳᠠᠲᠠᠢ ᠠᠵᠢᠯᠯᠠᠬᠤ ᠵᠦᠭᠯᠡᠭᠦᠷ ᠦᠭᠡᠢ ᠪᠠᠢ᠌ᠨ᠎ᠠ᠃
ᠮᠡᠳᠡᠭᠡ ᠵᠠᠩᠭᠢ᠎ᠪᠠᠷ ᠠᠷᠠᠳ᠎ᠲᠤ ᠠᠰᠢᠭ ᠬᠦᠷᠳᠡᠭᠡᠬᠦ ᠠᠵᠢᠯ᠎ᠢ ᠦᠷᠨᠢᠬᠦᠯᠬᠦ᠎ᠪᠠᠷ ᠳᠠᠮᠵᠢᠭᠤᠯᠤᠨ᠂ ᠮᠠᠨ᠎ᠤ ᠬᠣᠲᠠ ᠬᠣᠲᠠ᠎ᠪᠠᠷ ᠪᠦᠬᠦᠯᠢ ᠴᠣᠭᠴᠠ ᠪᠣᠯᠭ᠋ᠠᠵᠤ᠂ ᠵᠠᠰᠠᠭ᠎ᠤᠨ ᠶᠠᠪᠤᠳᠠᠯ᠎ᠤᠨ ᠡᠭᠦᠯᠡᠨ ᠲᠥᠪ ᠪᠠ ᠲᠤᠮᠤ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢᠨ ᠠᠷᠭ᠎ᠠ ᠪᠠᠷᠢᠯ ᠵᠶ᠋ᠠᠷ ᠳᠠᠮᠵᠢᠨ᠂ ᠬᠡᠰᠡᠭᠯᠡᠨ ᠬᠤᠪᠢᠶᠠᠬᠤ ᠪᠠᠢ᠌ᠳᠠᠯ᠎ᠢ ᠠᠯᠬᠤᠮ ᠠᠯᠬᠤᠮ ᠵᠶ᠋ᠡᠷ ᠬᠤᠪᠢᠷᠠᠭᠤᠯᠵᠤ᠂ ᠬᠡᠰᠡᠭ ᠵᠶ᠋ᠡᠷ ᠭᠣᠣᠯ ᠪᠣᠯᠭ᠋ᠠᠨ᠂ ᠥᠨᠳᠦᠰᠦᠨ ᠱᠠᠳᠤᠨ᠎ᠠᠴᠠ ᠨᠢᠭᠡᠳᠦᠯᠲᠡᠢ ᠲᠣᠭ᠎ᠠ ᠪᠠᠷᠢᠮᠲᠠ ᠴᠤᠭᠯᠠᠭᠤᠯᠵᠤ᠂ ᠡᠯ᠎ᠡ ᠰᠠᠯᠠᠭ᠎ᠠ ᠮᠦᠴᠢᠷ᠎ᠤᠳ ᠲᠣᠭ᠎ᠠ ᠪᠠᠷᠢᠮᠲᠠ ᠵᠢ ᠬᠠᠮᠲᠤ᠎ᠪᠠᠷ ᠬᠦᠷᠳᠡᠬᠦ ᠵᠢ ᠪᠡᠶᠡᠯᠡᠭᠦᠯᠦᠨ᠂ ᠮᠡᠳᠡᠭᠡ ᠵᠠᠩᠭᠢᠵᠢᠯᠠᠯᠳᠠ ᠵᠢᠨ ᠴᠤᠪᠤᠷᠠᠯ ᠪᠠ ᠠᠵᠢᠯ᠎ᠤᠨ ᠴᠤᠪᠤᠷᠠᠯ᠎ᠢ ᠨᠢᠭᠡᠳᠤᠯᠲᠠᠢ ᠪᠠᠢ᠌ᠯᠭ᠋ᠠᠵᠦ᠂ ᠥᠨᠳᠦᠰᠦᠨ ᠱᠠᠳᠤᠨ᠎ᠤ ᠳᠠᠷᠣᠭ᠋ᠠᠰᠤ ᠵᠢ ᠬᠥᠩᠭᠡᠯᠡᠨ᠂ ᠲᠣᠭ᠎ᠠ ᠪᠠᠷᠢᠮᠲᠠ ᠵᠢᠨ ᠣᠨᠣᠪᠴᠢ ᠵᠢᠨ ᠨᠣᠷᠮ᠎ᠠ ᠵᠢ ᠳᠡᠭᠡᠭᠰᠢᠯᠡᠭᠦᠯᠵᠦ᠂ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ᠂ ᠣᠯᠠᠨ ᠨᠡᠢ᠌ᠲᠡ ᠵᠢᠨ ᠦᠢ᠍ᠯᠡᠴᠢᠯᠡᠭᠡ᠂ ᠬᠣᠲᠠ ᠵᠢᠨ ᠬᠠᠮᠢᠶᠠᠷᠤᠯᠲᠠ᠎ᠳᠤ ᠲᠦᠰᠢᠭ ᠲᠤᠯᠭ᠋ᠠᠭᠤᠷᠢ ᠬᠠᠩᠭ᠋ᠠᠬᠤ ᠬᠡᠷᠡᠭᠲᠡᠢ ᠪᠠᠢ᠌ᠨ᠎ᠠ᠃ ᠪᠦᠬᠦ ᠬᠤᠲᠠ ᠵᠢᠨ ᠰᠦᠯᠵᠢᠶᠡᠨ᠎ᠤ ᠠᠮᠤᠷ ᠲᠦᠪᠰᠢᠨ᠎ᠤ ᠰᠢᠰᠲᠸᠮᠵᠢ ᠵᠢ ᠨᠢᠭᠡᠳᠦᠯᠳᠡᠢ ᠲᠦᠯᠦᠪᠵᠢᠭᠦᠯᠦᠡ ᠪᠠᠢ᠌ᠭᠤᠯᠵᠤ᠂ ᠠᠮᠤᠷ ᠲᠦᠪᠰᠢᠨ᠎ᠢ ᠤᠷᠢᠳᠴᠢᠯᠠᠨ ᠰᠡᠷᠭᠡᠢ᠌ᠯᠡᠬᠦ ᠤᠬᠠᠮᠰᠠᠷ᠎ᠢ ᠳᠡᠭᠡᠭᠰᠢᠯᠡᠭᠦᠯᠦᠨ᠎ᠡ; ᠮᠡᠳᠡᠭᠡ ᠵᠠᠩᠬᠢᠵᠢᠯᠠᠯᠳᠠ ᠵᠢᠨ ᠰᠡᠳᠬᠢᠬᠦᠢ ᠵᠢ ᠰᠢᠨᠡᠴᠢᠯᠡᠵᠦ᠂ ᠲᠤᠮᠤ ᠲᠣᠭ᠎ᠠ ᠪᠠᠷᠢᠮᠲᠠ ᠵᠡᠷᠭᠡ ᠰᠢᠨ᠎ᠡ ᠮᠡᠷᠭᠡᠵᠢᠯ᠎ᠤᠨ ᠠᠷᠭ᠎ᠠ ᠪᠠᠷᠢᠯ᠎ᠢ ᠭᠦᠢ᠍ᠴᠡᠳ ᠠᠰᠢᠭᠯᠠᠨ᠂ ᠲᠣᠬᠠᠢ᠌ᠯᠠᠭᠰᠠᠨ ᠠᠵᠢᠯ᠎ᠤᠨ ᠭᠡᠷᠡᠭ ᠶᠠᠪᠤᠳᠠᠯ ᠭᠦᠢ᠍ᠴᠡᠳᠬᠡᠬᠦ ᠴᠤᠪᠤᠷᠠᠯ᠎ᠢ ᠰᠢᠯᠢᠳᠡᠭᠵᠢᠬᠦᠯᠬᠦ ᠪᠠ ᠰᠢᠨᠡᠴᠢᠯᠡᠵᠦ᠂ ᠮᠡᠳᠡᠭᠡ ᠵᠠᠩᠭᠢ ᠵᠢᠨ ᠡᠬᠢ ᠪᠠᠶᠠᠯᠢᠭ᠎ᠢ ᠠᠭᠤᠳᠠᠯᠠᠨ᠂ ᠠᠷᠠᠳ᠎ᠲᠤ ᠤᠴᠢᠷ ᠶᠠᠪᠤᠳᠠᠯ᠎ᠢ᠎ᠨᠢ ᠰᠢᠢ᠍ᠳᠪᠤᠷᠢᠯᠠᠵᠦ ᠦᠭᠬᠦ ᠪᠦᠳᠦᠮᠵᠢ ᠵᠢ ᠦᠨᠡᠨᠬᠦ ᠳᠡᠭᠡᠭᠰᠢᠯᠡᠭᠦᠯᠦᠨ᠎ᠠ᠃
2015 —2017 ᠣᠨ ᠪᠤᠯᠬᠤ᠎ᠳᠤ᠂ ᠪᠢᠳᠡ ᠨᠡᠢ᠌ᠭᠡᠮ᠎ᠤᠨ ᠪᠠᠳᠤᠯᠠᠭ᠎ᠠ ᠵᠢ ᠨᠢᠭᠡᠯᠡ ᠺᠠᠷᠲ ᠵᠶ᠋ᠡᠷ ᠨᠡᠪᠳᠡᠷᠡᠬᠦᠯᠬᠦ ᠲᠦᠷᠦᠯ ᠵᠦᠢ᠍ᠯ᠎ᠢ ᠲᠦᠯᠬᠢᠨ ᠠᠬᠢᠭᠤᠯᠵᠤ᠂ ᠪᠠᠢ᠌ᠭᠤᠯᠤᠭᠰᠠᠨ᠎ᠤ ᠰᠡᠭᠦᠯᠡᠷ᠂ ᠬᠣᠲᠠ ᠵᠢᠨ ᠠᠷᠠᠳ᠎ᠤᠨ ᠺᠠᠷᠲ᠎ᠳᠤ ᠬᠣᠲᠠ ᠵᠢᠨ ᠠᠷᠠᠳ᠎ᠤᠨ ᠮᠡᠳᠡᠭᠡ ᠵᠠᠩᠭᠢ ᠵᠢ ᠬᠠᠳᠠᠭ᠋ᠠᠯᠠᠬᠤ ᠪᠤᠯᠭ᠋ᠠᠵᠦ᠂ ᠪᠡᠶ᠎ᠡ ᠵᠢᠨ ᠭᠠᠷᠤᠯ᠎ᠢ ᠳᠤᠳᠤᠯᠬᠤ᠂ ᠡᠯᠸᠺᠲᠷᠤᠨ ᠭᠡᠷᠡᠴᠢ ᠪᠠᠷᠢᠮᠲᠠ᠂ ᠮᠡᠳᠡᠭᠡ ᠵᠠᠩᠭᠢ ᠵᠢᠨ ᠯᠠᠪᠯᠠᠭ᠎ᠠ ᠪᠠ ᠡᠯᠸᠺᠲᠷᠤᠨ ᠴᠥᠩᠬᠦ ᠵᠡᠷᠭᠡ ᠴᠢᠳᠠᠮᠵᠢ ᠵᠢ ᠪᠡᠶᠡᠯᠡᠭᠦᠯᠵᠦ᠂ ᠬᠣᠲᠠ ᠵᠢᠨ ᠠᠷᠠᠳ᠎ᠤᠳ᠎ᠲᠤ ᠭᠠᠳᠠᠭᠰᠢ ᠠᠶᠠᠯᠠᠬᠤ᠂ ᠪᠡᠶ᠎ᠡ ᠵᠢᠨ ᠭᠠᠷᠤᠯ᠎ᠢ ᠲᠣᠳᠣᠯᠬᠤ᠂ ᠰᠠᠭᠤᠭ᠋ᠠᠯᠢ ᠠᠷᠠᠳ᠎ᠤᠨ ᠡᠷᠡᠭᠦᠯ ᠮᠠᠨᠳᠤ ᠡᠮ ᠡᠮᠨᠡᠯᠭᠡ᠂ ᠴᠦᠬᠡᠨ ᠲᠣᠭ᠋ᠠᠨ᠎ᠤ ᠵᠣᠭᠣᠰ ᠥᠭᠬᠦ᠂ ᠠᠷᠠᠳ᠎ᠲᠤ ᠠᠰᠢᠭ ᠬᠦᠷᠳᠡᠭᠡᠯ᠎ᠤᠨ ᠣᠯᠭᠣᠮᠵᠢ ᠲᠠᠷᠬᠠᠭ᠋ᠠᠬᠤ ᠵᠢᠴᠢ ᠪᠠᠩᠬᠢ ᠵᠢᠨ ᠬᠠᠮ ᠬᠡᠷᠡᠭᠯᠡᠭᠡ ᠵᠡᠷᠭᠡ ᠳᠦᠬᠦᠮ ᠳᠦᠳᠡ ᠣᠯᠠᠨ ᠨᠡᠢ᠌ᠲᠡ ᠵᠢᠨ ᠦᠢ᠍ᠯᠡᠴᠢᠯᠡᠭᠡ ᠬᠠᠩᠭ᠋ᠠᠨ᠎ᠠ᠃
ᠡᠭᠦᠨ᠎ᠠᠴᠠ ᠭᠠᠳᠠᠨ᠎ᠠ᠂ ᠡᠮ ᠡᠮᠨᠡᠯᠭᠡ ᠡᠷᠡᠭᠦᠯ ᠬᠠᠮᠠᠭ᠋ᠠᠯᠠᠯ᠂ ᠨᠠᠰᠤᠳᠠᠨ᠎ᠤ ᠠᠰᠠᠷᠠᠯ᠂ ᠰᠤᠷᠭ᠋ᠠᠨ ᠬᠥᠮᠦᠵᠢᠯ᠂ ᠢᠳᠡᠭᠡᠨ᠎ᠤ ᠠᠮᠤᠷ ᠲᠦᠪᠰᠢᠨ ᠵᠡᠷᠭᠡ ᠲᠠᠯ᠎ᠠ᠎ᠪᠠᠷ ᠪᠢᠳᠡ ᠪᠠᠰᠠ ᠮᠡᠳᠡᠭᠡ ᠵᠠᠩᠭᠢᠵᠢᠯᠠᠯᠳᠠ ᠵᠢᠨ ᠠᠷᠠᠳ᠎ᠲᠤ ᠳᠥᠭᠥᠮ ᠦᠵᠡᠭᠦᠯᠬᠦ ᠡᠷᠴᠢᠮ᠎ᠢ ᠴᠢᠩᠭ᠋ᠠᠯᠠᠨᠠ᠃ ᠬᠦᠲᠦᠯᠦᠭᠴᠢ ᠵᠢᠴᠢ ᠰᠦᠯᠵᠢᠶᠡᠨ᠎ᠤ ᠠᠨᠳᠠ ᠨᠠᠷ ᠮᠠᠨ᠎ᠤ ᠦᠬᠠᠢ ᠬᠣᠲᠠ᠎ᠳᠤ ᠢᠷᠡᠵᠤ᠂ ᠮᠠᠨ᠎ᠤ ᠮᠡᠳᠡᠭᠡ ᠵᠠᠩᠬᠢᠵᠢᠯᠠᠯᠳᠠ ᠵᠢᠨ ᠣᠷᠴᠢᠨ ᠪᠠᠢ᠌ᠳᠠᠯ᠎ᠢ ᠠᠮᠳᠠᠷᠬᠠᠨ ᠰᠤᠨᠢᠷᠬᠠᠬᠤ ᠵᠢ ᠪᠢ ᠴᠢᠩ ᠰᠡᠳᠬᠢᠯ᠎ᠠᠴᠠ᠎ᠪᠠᠨ ᠤᠷᠢᠨ ᠵᠠᠯᠠᠵᠤ ᠪᠤᠢ᠃
[ᠰᠦᠯᠵᠢᠶᠡᠨ᠎ᠤ ᠠᠨᠳᠠ ᠬᠤᠸᠠ ᡁᠢ ᠼᠢ] ᠴᠢᠶᠠᠨ ᠡᠷᠬᠢᠯᠡᠭᠴᠢ ᠡ᠂ ᠲᠠ ᠰᠠᠢ᠌ᠨ ᠪᠠᠢ᠌ᠨ᠎ᠠ ᠤᠤ ! ᠪᠢ ᠪᠣᠯ ᠦᠬᠠᠢ ᠵᠢᠨ ᠬᠥᠮᠥᠨ ᠪᠠᠢ᠌ᠨ᠎ᠠ᠂ ᠭᠠᠳᠠᠷ ᠣᠷᠣᠨ᠎ᠳᠤ ᠰᠣᠷᠤᠯᠴᠠᠵᠤ ᠪᠣᠢ᠂ ᠪᠢ ᠮᠠᠨ᠎ᠤ ᠨᠤᠲᠤᠭ᠎ᠲᠤ ᠣᠳᠣ ᠶᠡᠬᠡ ᠰᠤᠷᠭ᠋ᠠᠭᠤᠯᠢ ᠵᠢᠨ ᠰᠤᠷᠤᠭᠴᠢ ᠵᠢ ᠳᠡᠮᠵᠢᠨ ᠠᠵᠢᠯ ᠣᠯᠭᠣᠬᠤ ᠲᠣᠬᠠᠢ ᠰᠢᠰᠲᠸᠮ ᠪᠠᠢ᠌ᠬᠤ ᠡᠰᠡᠬᠦ ᠵᠢ ᠤᠢ᠌ᠯᠠᠭ᠋ᠠᠶ᠎ᠠ ᠬᠡᠵᠦ ᠪᠣᠳᠣᠵᠤ ᠪᠠᠢ᠌ᠨ᠎ᠠ᠃
[ᠴᠢᠶᠠᠨ ᠵᠢᠶᠠᠨ ᠭᠦᠸᠸ] ᠰᠦᠯᠵᠢᠶᠡᠨ᠎ᠤ ᠡᠨᠡ ᠠᠨᠳᠠ ᠠᠰᠠᠭᠤᠳᠠᠯ ᠳᠤᠷᠠᠳᠤᠭᠰᠠᠨ᠎ᠳᠤ ᠲᠠᠯᠠᠷᠬᠠᠵᠤ ᠪᠠᠢ᠌ᠨ᠎ᠠ᠃ ᠢᠢ᠍ᠮᠤ ᠰᠢᠰᠲᠸᠮ ᠪᠠᠢ᠌ᠨ᠎ᠠ᠂ ᠬᠣᠯᠪᠤᠭᠳᠠᠯ ᠪᠦᠬᠦᠢ ᠮᠡᠳᠡᠭᠡ ᠵᠠᠩᠭᠢ ᠵᠢ ᠲᠠ ᠦᠬᠠᠢ ᠬᠣᠲᠠ ᠵᠢᠨ ᠠᠵᠢᠯ ᠣᠯᠭᠣᠯᠲᠠ ᠵᠢᠨ ᠲᠣᠪᠴᠢᠶ᠎ᠠ ᠵᠢᠨ ᠰᠦᠯᠵᠢᠶᠡᠨ ᠳᠡᠭᠡᠷ᠎ᠡ ᠠᠰᠠᠭᠤᠨ ᠯᠠᠪᠯᠠᠵᠤ ᠪᠣᠯᠣᠨ᠎ᠠ᠂ ᠠᠵᠢᠯᠲᠠᠨ ᠡᠯᠰᠡᠬᠦ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠪᠠᠢ᠌ᠬᠤ᠎ᠪᠠᠷ ᠪᠠᠷᠠᠬᠤ ᠦᠭᠡᠢ ᠪᠠᠰᠠ ᠠᠵᠢᠯᠲᠠᠨ ᠡᠯᠰᠡᠬᠦ ᠨᠢᠭᠡᠴᠡ ᠵᠢᠨ ᠮᠡᠳᠡᠭᠡ ᠵᠠᠩᠭᠢ ᠪᠠᠢ᠌ᠨ᠎ᠠ᠂ ᠡᠭᠦᠨ᠎ᠤ ᠬᠠᠮᠲᠤ ᠲᠠ ᠪᠠᠰᠠ ᠥᠪᠡᠷ᠎ᠤᠨ ᠠᠵᠢᠯ ᠭᠤᠶᠤᠴᠢᠯᠠᠬᠤ ᠮᠡᠳᠡᠭᠡ ᠵᠠᠩᠭᠢ᠎ᠪᠠᠨ ᠨᠡᠢ᠌ᠳᠡᠯᠡᠪᠡᠯ᠂ ᠲᠠᠨ᠎ᠤ ᠠᠵᠢᠯ ᠣᠯᠬᠤ᠎ᠳᠤ ᠲᠤᠰᠠ ᠳᠠᠮ ᠦᠵᠡᠭᠦᠯᠬᠦ ᠪᠠᠢ᠌ᠬ᠎ᠠ᠃
[ᠰᠦᠯᠵᠢᠶᠡᠨ᠎ᠤ ᠠᠨᠳᠠ ᠬᠠᠢ ᠨᠠ ᠪᠠᠢ ᠴᠤᠸᠠᠨ] ᠬᠣᠲᠠ ᠵᠢᠨ ᠬᠠᠮᠢᠶᠠᠷᠤᠯᠲᠠ ᠪᠣᠯ ᠡᠵᠡᠮᠰᠢᠬᠦ᠎ᠳᠤ ᠨᠡᠯᠢᠶᠡᠳ ᠬᠦᠴᠢᠷ᠎ᠲᠠᠢ ᠠᠵᠢᠯ ᠪᠣᠯᠣᠨ᠎ᠠ᠂ ᠣᠳᠣᠬᠠᠨ᠎ᠳᠤ ᠡᠨᠡ ᠠᠰᠠᠭᠤᠳᠠᠯ᠎ᠢ ᠤᠯᠠᠨ ᠬᠦᠮᠤᠨ ᠶᠠᠷᠢᠯᠴᠠᠭ᠋ᠠᠵᠦ ᠪᠠᠢ᠌ᠨ᠎ᠠ᠂ ᠡᠨᠡ ᠠᠰᠠᠭᠤᠳᠠᠯ᠎ᠢ ᠮᠡᠳᠡᠭᠡ ᠵᠠᠩᠭᠢᠵᠢᠯᠠᠯᠳᠠ ᠵᠢᠨ ᠠᠷᠭ᠎ᠠ᠎ᠪᠠᠷ ᠰᠢᠢ᠍ᠳᠪᠦᠷᠢᠯᠡᠵᠦ ᠳᠡᠢ᠌ᠯᠤᠨᠠ ᠤᠤ? ᠦᠬᠡᠢ ᠤᠤ ?
[ᠴᠢᠶᠠᠨ ᠵᠢᠶᠠᠨ ᠭᠦᠸᠸ] ᠡᠨᠡ ᠠᠰᠠᠭᠤᠳᠠᠯ᠎ᠢ ᠮᠡᠳᠡᠭᠡ ᠵᠠᠩᠭᠢᠵᠢᠯᠠᠯᠳᠠ ᠵᠢᠨ ᠠᠷᠭ᠎ᠠ᠎ᠪᠠᠷ ᠰᠢᠢ᠍ᠳᠪᠦᠷᠢᠯᠡᠵᠦ ᠳᠡᠢ᠌ᠯᠤᠨᠠ᠂ ᠦᠨᠡᠨ᠎ᠳᠡᠭᠡᠨ ᠬᠣᠲᠠ ᠵᠢᠨ ᠬᠠᠮᠢᠶᠠᠷᠤᠯᠲᠠ᠎ᠨᠢ ᠵᠦᠪᠬᠡᠨ ᠠᠯᠢ ᠨᠢᠭᠡᠨ ᠰᠠᠯᠠᠭ᠎ᠠ ᠮᠦᠴᠢᠷ᠎ᠤᠨ ᠡᠭᠦᠷᠭᠡ ᠬᠠᠷᠢᠭᠤᠴᠠᠯᠭ᠎ᠠ ᠪᠠᠢ᠌ᠬᠤ ᠶᠣᠰᠣ ᠦᠭᠡᠢ᠂ ᠮᠠᠨ᠎ᠤ ᠬᠣᠲᠠ ᠵᠢᠨ ᠠᠷᠠᠳ ᠪᠣᠯᠭ᠋ᠠᠨ ᠪᠦᠷᠢ ᠣᠷᠣᠯᠴᠠᠬᠤ ᠶᠤᠰᠣᠲᠠᠢ᠃ ᠡᠨᠡ ᠰᠢᠯᠲᠠᠭ᠋ᠠᠨ᠎ᠢ ᠥᠨᠳᠦᠰᠦᠯᠡᠨ᠂ ᠪᠢᠳᠡᠨ 《12345》 ᠬᠣᠲᠠ ᠵᠢᠨ ᠠᠷᠠᠳ᠎ᠲᠤ ᠦᠢ᠍ᠯᠡᠴᠢᠯᠡᠬᠦ ᠰᠢᠭᠤᠳ ᠤᠲᠠᠰᠣ ᠪᠠ ᠬᠣᠲᠠ ᠵᠢᠨ ᠬᠠᠮᠢᠶᠠᠷᠤᠯᠲᠠ ᠵᠢᠨ ᠳᠤᠭ᠋ᠠᠴᠠᠭ᠋ᠠᠯᠠᠭᠰᠠᠨ ᠲᠠᠪᠴᠠᠩ ᠪᠠᠢ᠌ᠭᠤᠯᠵᠤ᠂ ᠳᠤᠭ᠋ᠠᠴᠠᠭ᠋ᠠᠯᠠᠭᠰᠠᠨ ᠬᠣᠲᠠ ᠵᠢᠨ ᠬᠠᠮᠢᠶᠠᠷᠤᠯᠲᠠ ᠵᠢᠨ ᠠᠰᠠᠭᠤᠳᠠᠯ᠎ᠢ ᠬᠣᠲᠠ ᠵᠢᠨ ᠬᠠᠮᠢᠶᠠᠷᠤᠯᠲᠠ ᠵᠢᠨ ᠲᠤᠭᠤᠷᠢᠨ ᠪᠠᠢ᠌ᠴᠠᠭ᠋ᠠᠭᠴᠢ ᠢᠯᠡᠷᠡᠭᠦᠯᠵᠦ ᠪᠣᠯᠬᠤ᠎ᠪᠠᠷ ᠪᠠᠷᠠᠬᠤ ᠦᠭᠡᠢ᠂ ᠪᠠᠰᠠ ᠬᠣᠲᠠ ᠵᠢᠨ ᠠᠷᠠᠳ᠎ᠤᠨ ᠳ᠋ᠢᠶᠠᠩᠬᠤᠸᠠ ᠵᠢᠨ ᠠᠷᠭ᠎ᠠ ᠬᠡᠯᠪᠡᠷᠢ᠎ᠪᠠᠷ ᠳᠠᠮᠵᠢᠨ ᠰᠢᠢ᠍ᠳᠪᠦᠷᠢᠯᠡᠵᠦ ᠪᠤᠯᠬᠤ ᠪᠤᠯᠭ᠋ᠠᠪᠠ᠃ ᠡᠭᠦᠨ᠎ᠤ ᠬᠠᠮᠲᠤ᠂ ᠮᠠᠨ᠎ᠤ ᠦᠬᠠᠢ ᠬᠣᠲᠠ ᠨᠢᠭᠡᠳᠦᠮᠡᠯ ᠳᠦᠷᠰᠦᠲᠦ ᠪᠢᠴᠢᠯᠭᠡ ᠵᠢᠨ ᠲᠥᠪ ᠪᠠᠢ᠌ᠭ᠎ᠠ ᠪᠣᠯᠬᠣᠷ᠂ ᠪᠦᠬᠦ ᠬᠣᠲᠠ᠎ᠳᠤ ᠪᠠᠢ᠌ᠭᠤᠯᠤᠭᠰᠠᠨ ᠳᠦᠷᠰᠦᠲᠦ ᠪᠢᠴᠢᠯᠭᠡ᠎ᠪᠠᠷ ᠬᠢᠨᠠᠨ ᠡᠵᠡᠮᠳᠡᠯ᠎ᠨᠢ ᠬᠣᠲᠠ ᠲᠣᠭᠤᠷᠢᠭ᠎ᠤᠨ ᠭᠣᠣᠯ ᠬᠡᠰᠡᠭ ᠢ ᠪᠦᠷᠭᠦᠭᠰᠡᠨ᠎ᠠᠴᠠ᠂ ᠬᠠᠤᠯᠢ ᠬᠡᠷᠡᠭᠵᠢᠭᠦᠯᠬᠦ ᠢᠯᠡ ᠲᠣᠳᠣ ᠴᠢᠨᠠᠷ ᠴᠤ᠌ ᠪᠠᠲᠤᠯᠠᠭ᠎ᠠ᠎ᠲᠠᠢ ᠪᠣᠯᠣᠭᠰᠠᠨ ᠪᠠᠢ᠌ᠨ᠎ᠠ᠃
[ᠬᠦᠲᠦᠯᠦᠭᠴᠢ] ᠥᠷᠭᠡᠨ ᠣᠯᠠᠨ ᠰᠦᠯᠵᠢᠶᠡᠨ᠎ᠤ ᠠᠨᠳᠠ ᠨᠠᠷ᠎ᠤᠨ ᠢᠳᠡᠪᠬᠢᠲᠠᠢ ᠣᠷᠣᠯᠴᠠᠭᠰᠠᠨ᠎ᠳᠤ ᠲᠠᠯᠠᠷᠬᠠᠵᠤ ᠪᠣᠢ᠂ ᠮᠦᠨ ᠴᠤ᠌ ᠴᠢᠶᠠᠨ ᠡᠷᠬᠢᠯᠡᠭᠴᠢ ᠵᠢᠨ ᠠᠰᠠᠭᠤᠯᠳᠠ ᠵᠢ ᠬᠠᠯᠠᠰᠢᠷᠠᠯ ᠦᠭᠡᠢ᠎ᠪᠠᠷ ᠬᠠᠷᠢᠭᠤᠯᠵᠤ ᠦᠭᠭᠦᠭᠰᠡᠨ᠎ᠳᠤ ᠲᠠᠯᠠᠷᠬᠠᠵᠤ ᠪᠠᠢ᠌ᠨ᠎ᠠ᠃ ᠡᠨᠳᠡ ᠦᠬᠠᠢ ᠬᠣᠲᠠ ᠮᠡᠳᠡᠭᠡ ᠵᠠᠩᠭᠢ᠎ᠪᠠᠷ ᠠᠷᠠᠳ᠎ᠲᠤ ᠠᠰᠢᠭ ᠬᠦᠷᠳᠡᠭᠡᠬᠦ ᠲᠠᠯ᠎ᠠ᠎ᠪᠠᠷ ᠠᠵᠢᠯ ᠵᠶ᠋ᠡᠨ ᠤᠯᠠᠮ ᠰᠠᠢ᠌ᠨ ᠬᠢᠵᠦ᠂ ᠵᠠᠰᠠᠭ᠎ᠤᠨ ᠣᠷᠳᠣᠨ᠎ᠤ ᠣᠯᠠᠨ ᠨᠡᠢ᠌ᠲᠡ᠎ᠳᠤ ᠦᠢ᠍ᠯᠡᠴᠢᠯᠡᠬᠦ ᠬᠢᠷᠢ ᠲᠥᠪᠰᠢᠨ ᠪᠠ ᠨᠡᠢ᠌ᠭᠡᠮ᠎ᠤᠨ ᠬᠠᠮᠢᠶᠠᠷᠤᠯᠲᠠ ᠵᠢᠨ ᠴᠢᠳᠠᠪᠤᠷᠢ ᠵᠢᠨ ᠲᠠᠰᠤᠷᠠᠯᠲᠠ ᠦᠭᠡᠢ ᠳᠡᠭᠡᠭᠰᠢᠯᠡᠬᠦ ᠵᠢ ᠵᠦᠩᠨᠡᠵᠦ ᠪᠠᠢ᠌ᠨ᠎ᠠ᠃ ᠡᠭᠦᠨ᠎ᠤ ᠬᠠᠮᠲᠤ ᠪᠠᠰᠠ ᠮᠠᠨ᠎ᠤ ᠣᠷᠣᠨ ᠴᠢᠨᠠᠭᠰᠢᠯᠠᠪᠠᠯ ᠪᠦᠬᠦ ᠤᠯᠤᠰ᠎ᠤᠨ ᠬᠡᠪᠴᠢᠶᠡᠨ᠎ᠳᠤ ᠡᠷᠳᠡᠬᠡᠨ ᠳᠡᠯᠭᠡᠷᠡᠭᠦᠯᠵᠦ᠂ ᠨᠡᠩ ᠣᠯᠠᠨ ᠠᠷᠠᠳ ᠲᠥᠮᠡᠨ᠎ᠳᠤ ᠠᠰᠢᠭ ᠬᠦᠷᠳᠡᠭᠡᠬᠦ ᠪᠤᠯᠳᠤᠭ᠋ᠠᠢ! ᠴᠠᠭ᠎ᠤᠨ ᠬᠠᠷᠠᠭ᠎ᠠ᠎ᠠᠴᠠ ᠪᠣᠯᠵᠤ᠂ ᠥᠨᠥᠳᠦᠷ᠎ᠤᠨ ᠰᠣᠷᠪᠣᠯᠵᠢᠯᠠᠭ᠎ᠠ᠎ᠪᠠᠨ ᠡᠨᠳᠡ ᠬᠦᠷᠥᠬᠡᠳ ᠦᠨᠳᠤᠷᠯᠠᠶᠡ᠂ ᠳᠠᠷᠠᠭ᠋ᠠᠴᠢ ᠵᠢᠨ ᠫᠷᠤᠭ᠌ᠷᠠᠮ᠎ᠳᠤ ᠪᠠᠶᠠᠷᠳᠠᠢ ᠵᠣᠯᠭ᠋ᠠᠶ᠎ᠠ!