ᠬᠦᠴᠤ ᠴᠢᠳᠠᠯ ᠵᠶ᠋ᠡᠨ ᠲᠤᠢ᠌ᠯ᠎ᠤᠨ ᠤᠨᠤᠴᠢᠲᠠᠢ ᠬᠡᠷᠡᠭᠯᠡᠵᠦ ᠠᠵᠢᠯ ᠤᠯᠭᠤᠬᠤ ᠢᠨᠵᠸᠨ᠋ᠸᠷᠢᠩ᠎ᠢ ᠬᠦᠨᠵᠡᠭᠡᠢ ᠠᠬᠢᠭᠤᠯᠤᠨ ᠠᠵᠢᠯ ᠤᠯᠭᠤᠬᠤ ᠬᠠᠷᠠᠯᠳᠠ ᠵᠢᠨ ᠡᠭᠦᠷᠭᠡ ᠵᠢ ᠪᠠᠳᠤᠯᠠᠨ ᠪᠡᠶᠡᠯᠡᠭᠦᠯᠤᠶ᠎ᠡ
ᠦᠪᠡᠷᠳᠡᠭᠡᠨ ᠵᠠᠰᠠᠬᠤ ᠤᠷᠤᠨ᠎ᠤ ᠬᠦᠮᠤᠨ᠎ᠤ ᠬᠦᠴᠤᠨ᠎ᠤ ᠡᠬᠢ ᠪᠠᠶᠠᠯᠢᠭ ᠪᠤᠯᠤᠨ ᠨᠡᠢ᠌ᠭᠡᠮ᠎ᠤᠨ ᠪᠠᠳᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠤᠭᠦᠨ᠂ ᠠᠵᠢᠯ ᠤᠯᠭᠤᠬᠤ ᠲᠤᠪᠴᠢᠶ᠎ᠠ ᠵᠢᠨ ᠲᠠᠷᠤᠭ᠎ᠠ
ᠸᠠᠩ ᠶᠢᠤ ᠬᠤᠩ

[ ᠬᠦᠳᠤᠯᠦᠭᠴᠢ] ᠰᠦᠯᠵᠢᠶᠡᠨ ᠠᠨᠳᠠ ᠨᠠᠷ ᠰᠠᠢ᠌ᠨ ᠪᠠᠢ᠌ᠴᠠᠭ᠋ᠠᠨᠠᠤ ᠤᠤ? ᠲᠠ ᠪᠦᠬᠦᠨ᠎ᠤ ᠲᠤᠰ ᠬᠤᠭᠤᠴᠠᠭ᠋ᠠᠨ᠎ᠤ 《ᠳᠤᠮᠳᠠᠳᠤ ᠤᠯᠤᠰ ᠦᠪᠤᠷ ᠮᠤᠩᠭᠤᠯ》 ᠰᠦᠯᠵᠢᠶᠡᠨ᠎ᠤ ᠰᠤᠷᠪᠤᠯᠵᠢᠯᠠᠨ ᠶᠠᠷᠢᠯᠴᠠᠬᠤ ᠫᠷᠦᠭᠷᠡᠮᠢ ᠬᠢᠯ᠎ᠢᠶᠡᠨ ᠠᠪᠴᠤ ᠦᠵᠡᠬᠦ ᠵᠢ ᠪᠠᠶᠠᠷᠯᠠᠨ ᠤᠭᠳᠤᠵᠦ ᠪᠠᠢ᠌ᠨ᠎ᠠ᠃ ᠠᠵᠢᠯ ᠤᠯᠭᠤᠬᠤ ᠪᠤᠯ ᠠᠷᠠᠳ᠎ᠤᠨ ᠠᠮᠢᠳᠤᠷᠠᠯ᠎ᠤᠨ ᠦᠨᠳᠤᠰᠤ ᠮᠦᠨ᠂ ᠠᠵᠢᠯ ᠤᠯᠭᠤᠬᠤ ᠵᠢ ᠠᠬᠢᠭᠤᠯᠬᠤ ᠪᠤᠯ ᠴᠦᠮ ᠡᠯ᠎ᠡ ᠱᠠᠳᠤᠨ᠎ᠤ ᠵᠠᠰᠠᠭ᠎ᠤᠨ ᠤᠷᠳᠤᠨ᠎ᠤ ᠠᠵᠢᠯ᠎ᠤᠨ ᠴᠢᠬᠤᠯᠠ᠎ᠠᠴᠠ ᠴᠢᠬᠤᠯᠠ ᠵᠦᠢ᠍ᠯ ᠪᠤᠯᠤᠭᠰᠠᠭ᠋ᠠᠷ ᠢᠷᠡᠪᠡ᠂ ᠠᠵᠦ ᠠᠬᠤᠢ ᠵᠢᠨ ᠰᠢᠨ᠎ᠡ ᠬᠡᠪ ᠪᠠᠢ᠌ᠳᠠᠯ᠎ᠤᠨ ᠳᠠᠭ᠋ᠠᠭᠤᠯᠭ᠎ᠠ ᠪᠤᠯᠤᠨ ᠳᠠᠢ᠌ᠴᠢᠯᠠᠯᠳᠠ ᠳᠤᠤᠷ᠎ᠠ᠂ ᠮᠠᠨ᠎ᠤ ᠤᠷᠤᠨ᠎ᠤ ᠠᠵᠢᠯ ᠤᠯᠭᠤᠬᠤ ᠪᠠᠢ᠌ᠳᠠᠯ᠎ᠳᠤ ᠶᠠᠭ ᠬᠦᠨᠵᠡᠭᠡᠢ ᠬᠤᠪᠢᠷᠠᠯᠳᠠ ᠲᠤᠯᠭ᠋ᠠᠷᠠᠵᠦ ᠪᠤᠢ᠂ ᠮᠠᠨ᠎ᠤ ᠤᠷᠤᠨ᠎ᠤ ᠠᠵᠢᠯ ᠤᠯᠭᠤᠬᠤ ᠠᠵᠢᠯ᠎ᠤᠨ ᠲᠠᠯ᠎ᠠ᠎ᠪᠠᠷ᠎ᠬᠢ ᠬᠠᠮᠢᠶ᠎ᠠ ᠪᠦᠬᠦᠢ ᠪᠠᠢ᠌ᠳᠠᠯ᠎ᠢ ᠤᠯᠠᠮ ᠨᠢᠬᠡ ᠠᠯᠬᠤᠮ ᠤᠢ᠌ᠯᠠᠭ᠋ᠠᠬᠤ ᠵᠢᠨ ᠲᠤᠰᠠᠳᠠ᠂ ᠦᠨᠦᠳᠤᠷ ᠪᠢᠳᠡ ᠦᠪᠡᠷᠳᠡᠭᠡᠨ ᠵᠠᠰᠠᠬᠤ ᠤᠷᠤᠨ᠎ᠤ ᠬᠦᠮᠤᠨ᠎ᠤ ᠬᠦᠴᠤᠨ᠎ᠤ ᠡᠬᠢ ᠪᠠᠶᠠᠯᠢᠭ ᠪᠤᠯᠤᠨ ᠨᠡᠢ᠌ᠭᠡᠮ᠎ᠤᠨ ᠪᠠᠳᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠤᠭᠦᠨ᠂ ᠠᠵᠢᠯ ᠤᠯᠭᠤᠬᠤ ᠲᠤᠪᠴᠢᠶ᠎ᠠ ᠵᠢᠨ ᠲᠠᠷᠤᠭ᠎ᠠ ᠸᠠᠩ ᠶᠢᠤ ᠬᠤᠩ᠎ᠢ ᠵᠠᠯᠠᠵᠦ ᠲᠠ ᠪᠦᠬᠦᠨ᠎ᠲᠠᠢ ᠵᠤᠭᠤᠭᠳᠠᠭᠤᠯᠬᠤ ᠪᠤᠯᠤᠯ᠎ᠠ᠃ ᠸᠠᠩ ᠲᠤᠪᠴᠢᠶᠠᠨ ᠳᠠᠷᠤᠭ᠎ᠠ ᠡ᠂ ᠲᠠ ᠰᠠᠢ᠌ᠨ ᠤᠤ!
[ ᠸᠠᠩ ᠶᠢᠤ ᠬᠤᠩ] ᠬᠦᠳᠤᠯᠦᠭᠴᠢ ᠰᠠᠢ᠌ᠨ ᠤᠤ᠂ ᠰᠦᠯᠵᠢᠶᠡᠨ ᠠᠨᠳᠠ ᠨᠠᠷ ᠰᠠᠢ᠌ᠨ ᠤᠤ! ᠡᠨᠳᠡ ᠠᠵᠢᠯ ᠤᠯᠭᠤᠬᠤ ᠠᠵᠢᠯ᠎ᠤᠨ ᠡᠨᠡᠬᠦ ᠰᠡᠳᠤᠪ ᠵᠶ᠋ᠡᠷ ᠲᠠ ᠪᠦᠬᠦᠨ᠎ᠲᠠᠢ ᠵᠤᠭᠤᠭᠳᠠᠬᠤ ᠪᠤᠯᠤᠭᠰᠠᠨ᠎ᠳᠠᠭᠠᠨ ᠮᠠᠰᠢ ᠪᠠᠶᠠᠷᠲᠠᠢ ᠪᠠᠢ᠌ᠨ᠎ᠠ᠂ ᠮᠦᠨᠴᠤ ᠲᠠ ᠪᠦᠬᠦᠨ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠵᠢᠯ ᠤᠯᠭᠤᠬᠤ ᠠᠵᠢᠯ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ᠎ᠳᠤ ᠲᠠᠯᠠᠷᠬᠠᠵᠦ ᠪᠠᠢ᠌ᠨ᠎ᠠ᠃
[ ᠬᠦᠳᠤᠯᠦᠭᠴᠢ] ᠸᠠᠩ ᠳᠠᠷᠤᠭ᠎ᠠ ᠡ ᠂ ᠲᠠ ᠤᠳᠤᠬᠠᠨ᠎ᠳᠤ ᠮᠠᠨ᠎ᠤ ᠤᠷᠤᠨ᠎ᠤ ᠠᠵᠢᠯ ᠤᠯᠭᠤᠬᠤ ᠪᠠᠢ᠌ᠳᠠᠯ ᠶᠡᠷᠦᠩᠬᠡᠢ ᠳᠡᠭᠡᠨ ᠶᠠᠮᠠᠷ ᠪᠠᠢ᠌ᠬᠤ ᠵᠢ ᠲᠠᠨᠢᠯᠴᠠᠭᠤᠯᠤᠭ᠋ᠠᠳ ᠦᠭᠬᠦᠨᠡᠤ?
[ ᠸᠠᠩ ᠶᠢᠤ ᠬᠤᠩ] ᠤᠢ᠌ᠷ᠎ᠠ ᠵᠢᠨ ᠵᠢᠯ᠎ᠤᠳ᠎ᠲᠤ᠂ ᠠᠵᠦ ᠠᠬᠤᠢ ᠵᠢᠨ ᠨᠡᠮᠡᠭᠳᠡᠯ᠎ᠤᠨ ᠬᠤᠷᠳᠤᠴᠠ ᠠᠯᠭᠤᠷᠯᠠᠭᠰᠠᠨ ᠵᠡᠷᠭᠡ ᠬᠦᠴᠤᠨ ᠵᠦᠢ᠍ᠯ᠎ᠤᠨ ᠨᠦᠯᠦᠭᠡᠯᠡᠯ᠎ᠠᠴᠠ ᠪᠤᠯᠤᠭ᠋ᠠᠳ᠂ ᠮᠠᠨ᠎ᠤ ᠤᠷᠤᠨ᠎ᠤ ᠠᠵᠢᠯ ᠤᠯᠭᠤᠬᠤ ᠪᠠᠢ᠌ᠳᠠᠯ ᠶᠡᠷᠦ᠎ᠠᠴᠠ ᠮᠠᠰᠢ ᠬᠠᠳᠠᠭᠤ ᠪᠡᠷᠬᠡ ᠪᠠᠢ᠌ᠭᠰᠠᠨ ᠴᠤ᠌ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ ᠠᠷᠭ᠎ᠠ ᠪᠦᠬᠦᠨ᠎ᠢ ᠰᠦᠪᠡᠭᠴᠢᠯᠡᠨ ᠠᠵᠢᠯ ᠤᠯᠭᠤᠬᠤ ᠵᠢ ᠦᠷᠭᠡᠳᠭᠡᠵᠦ᠂ ᠠᠳᠠᠯ ᠦᠢ᠍ᠯᠡᠰ ᠪᠤᠰᠬᠠᠵᠦ ᠠᠵᠢᠯ ᠤᠯᠭᠤᠬᠤ ᠢᠨᠵᠸᠨ᠋ᠸᠷᠢᠩ᠎ᠢ ᠪᠦᠬᠦ ᠬᠦᠴᠤᠨ ᠵᠶ᠋ᠡᠷ ᠬᠡᠷᠡᠭᠵᠢᠭᠦᠯᠵᠦ᠂ ᠤᠷᠢᠳ ᠬᠤᠵᠢᠳ ᠳᠡᠭᠡᠳᠤ ᠰᠤᠷᠭ᠋ᠠᠭᠤᠯᠢ ᠲᠡᠭᠦᠰᠦᠭᠴᠢᠳ᠎ᠲᠤ ᠠᠵᠢᠯ ᠤᠯᠭᠤᠨ ᠠᠳᠠᠯ ᠦᠢ᠍ᠯᠡᠰ ᠪᠤᠰᠬᠠᠬᠤ ᠵᠢ ᠠᠬᠢᠭᠤᠯᠬᠤ᠂ ᠬᠦᠴᠢᠷᠳᠡᠯ᠎ᠲᠠᠢ ᠠᠵᠦ ᠠᠬᠤᠢ᠌ᠯᠠᠯ᠎ᠢ ᠲᠤᠰᠠᠯᠠᠨ ᠠᠵᠢᠯ ᠤᠯᠭᠤᠬᠤ ᠤᠷᠤᠨ ᠪᠠᠢ᠌ᠷᠢ ᠵᠢ ᠲᠤᠭᠳᠠᠪᠤᠷᠢᠵᠢᠭᠤᠯᠬᠤ᠂ 《ᠠᠵᠢᠯ ᠦᠬᠡᠢ》 ᠡᠷᠦᠬᠡ ᠭᠡᠷ᠎ᠤᠨ ᠠᠵᠢᠯ ᠤᠯᠬᠤ᠎ᠳᠤ᠎ᠨᠢ ᠳᠤᠰᠠᠯᠠᠮᠵᠢ ᠦᠵᠡᠭᠦᠯᠬᠦ ᠵᠡᠷᠭᠡ ᠠᠯᠢ ᠤᠯᠠᠨ ᠴᠢᠭᠯᠡᠬᠦᠯᠬᠦ ᠴᠢᠨᠠᠷ ᠵᠶ᠋ᠡᠷ ᠴᠢᠩᠭ᠎ᠠ᠂ ᠳᠡᠳᠬᠦᠬᠦ ᠬᠦᠴᠤᠨ ᠵᠶ᠋ᠡᠷ ᠶᠡᠬᠡ᠂ ᠦᠨ᠎ᠡ ᠴᠠᠨ᠎ᠠ᠎ᠪᠠᠷ ᠦᠨᠳᠤᠷ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠲᠤᠭᠳᠠᠭ᠋ᠠᠨ ᠨᠡᠢ᠌ᠳᠡᠯᠡᠵᠦ᠂ ᠠᠵᠢᠯ ᠤᠯᠭᠤᠨ ᠠᠳᠠᠯ ᠦᠢ᠍ᠯᠡᠰ ᠪᠤᠰᠬᠠᠬᠤ ᠨᠡᠯᠢᠶᠡᠳ ᠪᠦᠷᠢᠨ ᠲᠦᠬᠦᠷ ᠲᠦᠷᠦ ᠵᠢᠨ ᠪᠤᠳᠤᠯᠭ᠎ᠠ ᠵᠢᠨ ᠰᠢᠰᠲᠸᠮ᠎ᠢ ᠪᠠᠢ᠌ᠭᠤᠯᠵᠦ᠂ ᠠᠵᠢᠯ ᠤᠯᠭᠤᠬᠤ ᠬᠡᠪᠴᠢᠶ᠎ᠡ ᠵᠢᠨ ᠲᠠᠰᠤᠷᠠᠯᠳᠠ ᠦᠬᠡᠢ ᠦᠷᠬᠡᠵᠢᠬᠦ ᠵᠢ ᠠᠬᠢᠭᠤᠯᠤᠨ ᠪᠡᠶᠡᠯᠡᠬᠦᠯᠦᠭᠡᠳ᠂ ᠪᠦᠬᠦ ᠤᠷᠤᠨ᠎ᠤ ᠠᠵᠢᠯ ᠤᠯᠭᠤᠬᠤ ᠪᠠᠢ᠌ᠳᠠᠯ᠎ᠢ ᠦᠨᠳᠤᠰᠤᠨ᠎ᠳᠡᠭᠡᠨ ᠲᠤᠭᠳᠠᠭᠤᠨ ᠪᠤᠯᠭ᠋ᠠᠪᠠ᠃ ᠬᠡᠪᠡᠴᠤ ᠠᠵᠢᠯ ᠤᠯᠭᠤᠬᠤ ᠳᠠᠷᠤᠯᠳᠠ ᠮᠦᠨᠬᠦ ᠮᠠᠰᠢ ᠶᠡᠬᠡ ᠪᠠᠢ᠌ᠵᠦ᠂ ᠬᠤᠳᠠ ᠪᠠᠯᠭ᠋ᠠᠰᠤᠨ᠎ᠤ ᠠᠵᠢᠯ ᠤᠯᠭᠤᠬᠤ ᠴᠢᠬᠤᠯᠠᠲᠠᠢ ᠬᠦᠮᠤᠰ᠎ᠤᠨ ᠶᠡᠷᠦᠩᠬᠡᠢ ᠲᠤᠭ᠎ᠠ ᠮᠦᠨᠬᠦ ᠮᠠᠰᠢ ᠤᠯᠠᠨ ᠪᠠᠢ᠌ᠬᠤ ᠪᠠ ᠪᠠᠰᠠ ᠲᠠᠷᠢᠶᠠᠯᠠᠬᠤ ᠮᠠᠯᠵᠢᠬᠤ ᠤᠷᠤᠨ᠎ᠤ ᠦᠯᠡᠭᠦᠤ ᠬᠦᠳᠡᠯᠮᠤᠷᠢ ᠵᠢᠨ ᠬᠦᠴᠤᠨ᠎ᠢ ᠰᠢᠯᠵᠢᠭᠦᠯᠦᠨ ᠠᠵᠢᠯ ᠤᠯᠭᠤᠬᠤ ᠶᠡᠷᠦᠩᠬᠡᠢ ᠬᠡᠮᠵᠢᠶᠡᠨ᠎ᠤ ᠳᠠᠷᠤᠯᠳᠠ ᠴᠤ᠌ ᠲᠤᠩ ᠶᠡᠬᠡ ᠪᠠᠢ᠌ᠨ᠎ᠠ᠃ 2015 ᠤᠨ᠎ᠳᠤ ᠮᠠᠨ᠎ᠤ ᠤᠷᠤᠨ᠎ᠤ ᠵᠦᠪᠭᠡᠨ ᠳᠡᠭᠡᠳᠤ ᠰᠤᠷᠭ᠋ᠠᠭᠤᠯᠢ ᠲᠡᠭᠦᠰᠬᠦ ᠰᠤᠷᠤᠭᠴᠢᠳ11.6 ᠲᠦᠮᠡ ᠪᠠᠢ᠌ᠵᠦ᠂ ᠤᠷᠤᠨ᠎ᠤ ᠭᠠᠳᠠᠨ᠎ᠠ ᠪᠠᠢ᠌ᠬᠤ ᠦᠪᠤᠷ ᠮᠤᠩᠭᠤᠯ ᠨᠤᠳᠤᠭ᠎ᠲᠠᠢ ᠰᠤᠷᠤᠭᠴᠢ᠂ ᠦᠢ᠍ᠯᠡᠴᠢᠯᠡᠭᠡᠨ᠎ᠤ ᠬᠤᠭᠤᠴᠠᠭ᠎ᠠ᠎ᠨᠢ ᠲᠤᠯᠵᠦ ᠳᠠᠬᠢᠨ ᠰᠢᠨ᠎ᠡ᠎ᠪᠠᠷ ᠠᠵᠢᠯ ᠤᠯᠭᠤᠬᠤ ᠪᠠ ᠦᠩᠭᠡᠷᠡᠭᠰᠡᠨ᠎ᠳᠤ ᠠᠵᠢᠯ ᠤᠯᠤᠭ᠋ᠠᠳᠤᠢ ᠰᠤᠷᠤᠭᠴᠢ15.6 ᠲᠦᠮᠡ ᠪᠠᠢ᠌ᠨ᠎ᠠ᠃ ᠡᠭᠦᠨ᠎ᠤ ᠳᠡᠭᠡᠷ᠎ᠡ ᠪᠠᠰᠠ ᠠᠵᠢᠯ ᠤᠯᠭᠤᠬᠤ᠎ᠳᠤ ᠬᠦᠴᠢᠷᠳᠠᠯ᠎ᠲᠠᠢ ᠪᠠᠢ᠌ᠬᠤ ᠬᠦᠮᠤᠰ᠂ ᠰᠢᠯᠢᠭ᠌ᠳᠠᠬᠦᠯᠦᠭᠰᠡᠨ ᠬᠤᠴᠤᠷᠠᠩᠭᠤᠢ ᠦᠢ᠍ᠯᠡᠳᠪᠤᠷᠢᠯᠡᠯ᠎ᠤᠨ ᠴᠢᠳᠡᠪᠬᠢ᠎ᠠᠴᠠ ᠪᠤᠢ ᠪᠤᠯᠤᠭᠰᠠᠨ ᠠᠵᠢᠯ ᠠᠯᠳᠠᠭᠰᠠᠳ ᠵᠡᠷᠭᠡ ᠵᠢ ᠨᠡᠮᠡᠪᠡᠯ ᠠᠵᠢᠯ ᠤᠯᠭᠤᠬᠤ ᠪᠠᠢ᠌ᠳᠠᠯ ᠮᠦᠨᠬᠦ ᠮᠠᠰᠢ ᠬᠠᠳᠠᠭᠤᠵᠢᠯᠲᠠᠢ ᠪᠠᠢ᠌ᠨ᠎ᠠ᠃
[ ᠬᠦᠳᠤᠯᠦᠭᠴᠢ] ᠠᠵᠦ ᠠᠬᠤᠢ ᠵᠢᠨ ᠬᠦᠭᠵᠢᠯᠳᠡ ᠵᠢᠨ ᠰᠢᠨ᠎ᠡ ᠬᠡᠪ ᠪᠠᠢ᠌ᠳᠠᠯ ᠪᠤᠯ ᠲᠦᠪ᠎ᠠᠴᠠ ᠲᠤᠷᠠᠳᠤᠭᠰᠠᠨ ᠪᠠᠢ᠌ᠯᠳᠤᠬᠤ ᠪᠤᠳᠤᠯᠭ᠎ᠠ ᠵᠢᠨ ᠮᠠᠭ᠋ᠠᠳᠯᠠᠯ ᠮᠦᠨ᠂ ᠰᠢᠨ᠎ᠡ ᠬᠡᠪ ᠪᠠᠢ᠌ᠳᠠᠯ ᠳᠤᠤᠷ᠎ᠠ᠂ ᠮᠠᠨ᠎ᠤ ᠤᠷᠤᠨ᠎ᠤ ᠠᠵᠢᠯ ᠤᠯᠭᠤᠬᠤ ᠠᠵᠢᠯ᠎ᠳᠤ ᠶᠠᠮᠠᠷ ᠰᠢᠨ᠎ᠡ ᠪᠠᠢ᠌ᠳᠠᠯ ᠪᠠ ᠰᠢᠨ᠎ᠡ ᠦᠷᠢᠰᠤᠯᠳᠤᠭᠡᠨ ᠲᠤᠯᠭ᠋ᠠᠷᠠᠵᠦ ᠪᠠᠢ᠌ᠬᠤ
ᠪᠤᠢ?
[ ᠸᠠᠩ ᠶᠢᠤ ᠬᠤᠩ] ᠮᠢᠨᠤ ᠤᠢ᠌ᠯᠭ᠋ᠠᠬᠤ᠎ᠪᠠᠷ ᠭᠤᠤᠯ᠎ᠨᠢ ᠭᠤᠷᠪᠠᠨ ᠲᠠᠯ᠎ᠠ ᠵᠢᠨ ᠤᠨᠴᠠᠯᠢᠭ᠎ᠲᠠᠢ ᠪᠠᠢ᠌ᠨ᠎ᠠ᠄ ᠨᠢᠭᠡ᠎ᠳᠤ ᠠᠵᠢᠯ ᠤᠯᠭᠤᠬᠤ᠎ᠳᠤ ᠲᠤᠯᠭ᠋ᠠᠷᠠᠵᠦ ᠪᠠᠢ᠌ᠭ᠎ᠠ ᠭᠤᠤᠯ ᠵᠦᠷᠢᠴᠡᠯ ᠶᠠᠭ ᠤᠯᠠᠷᠢᠨ ᠬᠤᠪᠢᠷᠠᠵᠦ ᠪᠠᠢ᠌ᠨ᠎ᠠ᠃ ᠶᠡᠷᠦᠩᠬᠡᠢ ᠬᠡᠮᠵᠢᠶᠡᠨ᠎ᠤ ᠵᠦᠷᠢᠴᠡᠯ ᠭᠤᠤᠯ ᠪᠤᠯᠵᠦ ᠪᠠᠢ᠌ᠭᠰᠠᠨ᠎ᠠᠴᠠ᠎ᠪᠠᠨ ᠪᠦᠳᠤᠴᠡ ᠵᠢᠨ ᠴᠢᠨᠠᠷᠲᠠᠢ ᠵᠦᠷᠢᠴᠡᠯ ᠭᠤᠤᠯ ᠪᠤᠯᠬᠤ ᠵᠦᠭ ᠶᠠᠭ ᠤᠯᠠᠷᠢᠵᠦ ᠪᠠᠢ᠌ᠨ᠎ᠠ᠃ ᠤᠳᠤᠬᠠᠨ᠎ᠳᠤ᠂ ᠠᠵᠢᠯ ᠤᠯᠭᠤᠯᠳᠠ ᠵᠢᠨ ᠪᠦᠳᠤᠴᠡ ᠵᠢᠨ ᠴᠢᠨᠠᠷᠲᠠᠢ ᠵᠦᠷᠢᠴᠡᠯ᠎ᠨᠢ ᠬᠤᠶᠠᠷ ᠲᠠᠯ᠎ᠠ᠎ᠪᠠᠷ ᠲᠤᠪᠤᠢ᠌ᠵᠦ ᠪᠠᠢ᠌ᠨ᠎ᠠ᠃ ᠨᠢᠬᠡ ᠲᠠᠯ᠎ᠠ᠎ᠪᠠᠷ᠂ ᠬᠦᠳᠡᠯᠮᠤᠷᠢᠯᠡᠭᠴᠢᠳ᠎ᠤᠨ ᠶᠡᠷᠦᠩᠬᠡᠢ ᠮᠡᠳᠡᠯᠬᠡ ᠪᠤᠯᠪᠠᠰᠤᠷᠠᠯ ᠳᠤᠤᠷ᠎ᠠ ᠪᠠᠢ᠌ᠵᠦ᠂ ᠠᠵᠢᠯ ᠡᠷᠢᠭᠰᠡᠳ᠎ᠤᠨ ᠲᠤᠰᠬᠠᠢ ᠮᠡᠷᠭᠡᠵᠢᠯ᠎ᠤᠨ ᠪᠤᠯᠪᠠᠰᠤᠷᠠᠯ᠂ ᠮᠡᠷᠭᠡᠵᠢᠯ ᠴᠢᠳᠠᠪᠤᠷᠢ ᠵᠢᠨ ᠬᠢᠷᠢ ᠬᠡᠮᠵᠢᠶ᠎ᠡ᠎ᠨᠢ ᠵᠠᠬ᠎ᠠ ᠳᠡᠯᠭᠡᠬᠦᠷ᠎ᠤᠨ ᠬᠡᠷᠡᠭᠴᠡᠬᠡ ᠱᠠᠭ᠋ᠠᠷᠳᠠᠯᠭ᠎ᠠ᠎ᠯᠤᠭ᠎ᠠ ᠨᠡᠢ᠌ᠴᠡᠬᠦ ᠦᠬᠡᠢ᠎ᠠᠴᠠ ᠪᠤᠯᠤᠭ᠋ᠠᠳ 《ᠵᠠᠷᠢᠮ ᠬᠦᠮᠤᠨ ᠬᠢᠬᠦ ᠠᠵᠢᠯ ᠦᠬᠡᠢ᠂ ᠵᠠᠷᠢᠮ ᠠᠵᠢᠯ᠎ᠢ ᠬᠢᠬᠦ ᠬᠦᠮᠤᠨ ᠦᠬᠡᠢ》 ᠦᠵᠡᠭᠳᠡᠯ ᠪᠤᠢ ᠪᠤᠯᠵᠦ᠂ ᠦᠷᠬᠦᠯᠵᠢᠯᠡᠨ ᠰᠢᠷᠦᠭᠦᠰᠬᠦ ᠪᠠᠢ᠌ᠳᠠᠯ᠎ᠲᠠᠢ ᠪᠠᠢ᠌ᠨ᠎ᠠ᠃ ᠨᠦᠭᠦᠬᠡ ᠲᠠᠯ᠎ᠠ᠎ᠪᠠᠷ᠂ ᠰᠢᠨ᠎ᠡ ᠬᠡᠪ ᠪᠠᠢ᠌ᠳᠠᠯ ᠳᠤᠤᠷ᠎ᠠ ᠠᠵᠦ ᠦᠢ᠍ᠯᠡᠰ᠎ᠤᠨ ᠪᠦᠳᠤᠴᠡ ᠵᠢ ᠲᠤᠬᠢᠷᠠᠭᠤᠯᠬᠤ᠂ ᠦᠢ᠍ᠯᠡᠳᠪᠤᠷᠢᠯᠡᠬᠦ ᠴᠢᠳᠠᠮᠵᠢ ᠵᠢᠨ ᠦᠯᠡᠬᠦᠳᠡᠯᠢ ᠰᠢᠢ᠍ᠳᠪᠤᠷᠢᠯᠡᠬᠦ ᠠᠷᠭ᠎ᠠ ᠵᠢᠨ ᠨᠠᠢ᠌ᠳᠠᠪᠤᠷᠢᠵᠢᠭᠤᠯᠤᠯᠢ ᠳᠠᠭ᠋ᠠᠯᠳᠤᠨ᠂ ᠨᠢᠬᠡ ᠪᠦᠯᠦᠭ ᠠᠵᠢᠯ ᠲᠦᠷᠦᠯ᠎ᠤᠨ ᠠᠵᠦ ᠠᠬᠤᠢ᠌ᠯᠠᠯ᠎ᠤᠨ ᠦᠢ᠍ᠯᠡᠳᠪᠤᠷᠢᠯᠡᠯ ᠡᠵᠡᠩᠨᠡᠯᠳᠡ ᠬᠦᠴᠢᠷᠳᠡᠯ᠎ᠲᠠᠢ ᠪᠤᠯᠵᠦ᠂ ᠪᠦᠳᠤᠴᠡ ᠵᠢᠨ ᠴᠢᠨᠠᠷᠲᠠᠢ ᠠᠵᠢᠯᠴᠢᠨ᠎ᠤ ᠬᠠᠰᠤᠯᠳᠠ᠎ᠨᠢ ᠪᠦᠳᠤᠴᠡ ᠵᠢᠨ ᠴᠢᠨᠠᠷᠲᠠᠢ ᠠᠵᠢᠯ ᠠᠯᠳᠠᠬᠤ ᠪᠠ ᠳᠠᠯᠳᠠᠮᠠᠯ ᠠᠵᠢᠯ ᠠᠯᠳᠠᠬᠤ ᠪᠤᠯᠭ᠋ᠠᠵᠠᠢ᠃ ᠡᠳᠡᠭᠡᠷ ᠪᠦᠳᠤᠴᠡ ᠵᠢᠨ ᠴᠢᠨᠠᠷᠲᠠᠢ ᠵᠦᠷᠢᠴᠡᠯ᠎ᠢ ᠬᠢᠷᠬᠢᠨ ᠰᠢᠢ᠍ᠳᠪᠤᠷᠢᠯᠠᠵᠦ᠂ ᠲᠤᠭᠳᠠᠭᠤᠨ ᠨᠡᠮᠡᠭᠳᠡᠬᠦᠯᠬᠦ ᠬᠢᠭᠡᠳ ᠲᠤᠭᠳᠠᠭᠤᠨ ᠠᠵᠢᠯ ᠤᠯᠭᠤᠬᠤ᠂ ᠪᠦᠳᠤᠴᠡ ᠵᠢ ᠲᠤᠬᠢᠷᠠᠭᠤᠯᠬᠤ ᠬᠢᠭᠡᠳ ᠠᠵᠢᠯ ᠤᠯᠭᠤᠬᠤ ᠵᠢ ᠠᠬᠢᠭᠤᠯᠬᠤ ᠵᠢ ᠵᠤᠬᠢᠴᠠᠭᠤᠯᠤᠨ ᠠᠬᠢᠭᠤᠯᠬᠤ ᠶᠠᠪᠤᠳᠠᠯ ᠪᠤᠯ ᠠᠵᠢᠯ ᠤᠯᠭᠤᠬᠤ ᠠᠵᠢᠯ᠎ᠳᠤ ᠲᠤᠯᠭ᠋ᠠᠷᠠᠵᠦ ᠪᠠᠢ᠌ᠭ᠎ᠠ ᠳᠤᠮᠤ ᠰᠡᠳᠤᠪ ᠪᠤᠯᠤᠨ᠎ᠠ᠃ ᠬᠤᠶᠠᠷ᠎ᠲᠤ ᠠᠵᠢᠯ ᠤᠯᠭᠤᠬᠤ ᠨᠡᠮᠡᠭᠳᠡᠯ᠎ᠤᠨ ᠴᠢᠭ᠋ ᠤᠯᠠᠷᠢᠨ ᠬᠤᠪᠢᠷᠠᠵᠦ᠂ ᠠᠵᠢᠯ ᠤᠯᠭᠤᠬᠤ ᠰᠢᠨ᠎ᠡ ᠨᠡᠮᠡᠭᠳᠡᠯ᠎ᠤᠨ ᠴᠢᠭ᠋᠎ᠢ ᠪᠤᠢ᠌ᠵᠢᠭᠤᠯᠤᠨ ᠪᠠᠢ᠌ᠭᠤᠯᠬᠤ ᠬᠡᠷᠡᠭᠲᠠᠢ ᠪᠠᠢ᠌ᠨ᠎ᠠ᠃ ᠰᠢᠨ᠎ᠡ ᠬᠡᠪ ᠪᠠᠢ᠌ᠳᠠᠯ ᠳᠤᠤᠷ᠎ᠠ᠂ ᠠᠵᠦ ᠠᠬᠤᠢ ᠵᠢᠨ ᠨᠡᠮᠡᠭᠳᠡᠯ᠎ᠤᠨ ᠬᠡᠯᠪᠡᠷᠢ ᠵᠢᠨ ᠬᠤᠪᠢᠷᠠᠯᠳᠠ᠂ ᠠᠵᠦ ᠦᠢ᠍ᠯᠡᠰ᠎ᠤᠨ ᠪᠦᠳᠤᠴᠡ ᠵᠢᠨ ᠲᠤᠬᠢᠷᠠᠭᠤᠯᠤᠯᠳᠠ ᠵᠢ ᠳᠠᠭ᠋ᠠᠯᠳᠤᠨ᠂ ᠰᠢᠨ᠎ᠡ ᠠᠵᠦ ᠦᠢ᠍ᠯᠡᠰ ᠪᠤᠯᠤᠨ ᠰᠢᠨ᠎ᠡ ᠬᠡᠷᠡᠭᠴᠡᠭᠡ ᠵᠢ ᠵᠠᠢ᠌ᠯᠠᠰᠢ ᠦᠬᠡᠢ ᠪᠤᠢ ᠪᠤᠯᠭ᠋ᠠᠵᠦ᠂ ᠰᠢᠨ᠎ᠡ ᠬᠡᠯᠪᠡᠷᠢ ᠵᠢᠨ ᠦᠢ᠍ᠯᠡᠴᠢᠯᠡᠭᠡᠨ᠎ᠤ ᠦᠢ᠍ᠯᠡᠰ᠂ ᠭᠤᠷᠪᠠᠳᠤᠭ᠋ᠠᠷ ᠠᠵᠦ ᠦᠢ᠍ᠯᠡᠰ᠂ ᠰᠢᠶᠠᠨ᠎ᠤ ᠬᠡᠪᠴᠢᠶ᠎ᠡ ᠵᠢᠨ ᠠᠵᠦ ᠠᠬᠤᠢ᠂ ᠠᠷᠠᠳ᠎ᠠᠴᠠ ᠡᠷᠬᠢᠯᠡᠭᠰᠡᠨ ᠬᠤᠪᠢ ᠵᠢᠨ ᠠᠵᠦ ᠠᠬᠤᠢ᠎ᠨᠢ ᠰᠢᠨ᠎ᠡ ᠠᠵᠦ ᠠᠬᠤᠢ ᠵᠢᠨ ᠨᠡᠮᠡᠭᠳᠡᠯ᠎ᠤᠨ ᠴᠢᠭ᠋ ᠪᠤᠯᠬᠤ ᠪᠤᠯᠤᠨ᠎ᠠ᠃ ᠡᠨᠡ᠎ᠨᠢ ᠪᠢᠳᠡᠨ᠎ᠳᠤ ᠠᠵᠢᠯ ᠤᠯᠭᠤᠬᠤ ᠵᠢ ᠠᠬᠢᠭᠤᠯᠬᠤ ᠶᠠᠪᠤᠴᠠ᠎ᠳᠤ ᠭᠠᠵᠠᠷ ᠤᠷᠤᠨ᠎ᠤ ᠪᠠᠢ᠌ᠳᠠᠯ᠎ᠳᠤ ᠲᠤᠬᠢᠷᠠᠭᠤᠯᠤᠨ᠂ ᠪᠤᠳᠠᠲᠠᠢ ᠪᠠᠢ᠌ᠳᠠᠯ᠎ᠲᠠᠢ ᠤᠶᠠᠯᠳᠤᠭᠤᠯᠵᠦ᠂ ᠰᠢᠨ᠎ᠡ ᠵᠢ ᠡᠭᠦᠳᠤᠨ ᠨᠡᠭᠡᠭᠡᠵᠦ᠂ ᠠᠵᠢᠯ ᠤᠯᠭᠤᠬᠤ ᠰᠢᠨ᠎ᠡ ᠨᠡᠮᠡᠭᠳᠡᠯ᠎ᠤᠨ ᠴᠢᠭ᠋᠎ᠢ ᠡᠷᠢᠵᠦ᠂ ᠪᠤᠢ᠌ᠵᠢᠭᠤᠯᠬᠤ ᠪᠠ ᠪᠠᠢ᠌ᠭᠤᠯᠤᠭ᠋ᠠᠳ᠂ ᠡᠭᠦᠨ᠎ᠪᠠᠷ ᠳᠠᠮᠵᠢᠨ ᠠᠵᠢᠯ ᠤᠯᠭᠤᠬᠤ ᠤᠷᠤᠨ ᠪᠠᠢ᠌ᠷᠢ ᠡᠷᠢᠨ ᠤᠯᠵᠦ᠂ ᠠᠵᠢᠯ ᠤᠯᠭᠤᠬᠤ ᠤᠷᠤᠨ ᠵᠠᠢ ᠵᠢ ᠦᠷᠭᠡᠳᠬᠡᠵᠦ᠂ ᠨᠡᠩ ᠤᠯᠠᠨ ᠨᠦᠭᠦᠴᠡᠯ᠎ᠢ ᠪᠦᠷᠢᠳᠤᠭᠦᠯᠵᠦ᠂ ᠭᠦᠢ᠍ᠴᠡᠳ ᠠᠵᠢᠯ ᠤᠯᠭᠤᠬᠤ ᠵᠢ ᠪᠡᠶᠡᠯᠡᠬᠦᠯᠬᠦ ᠵᠢ ᠠᠬᠢᠭᠤᠯᠬᠤ ᠵᠢ ᠱᠠᠭ᠋ᠠᠷᠳᠠᠵᠦ ᠪᠠᠢ᠌ᠨ᠎ᠠ᠃ ᠭᠤᠷᠪᠠ᠎ᠳᠤ ᠭᠤᠤᠯᠳᠠᠯᠭ᠎ᠠ᠎ᠲᠠᠢ ᠪᠦᠯᠦᠭᠯᠡᠯ᠎ᠳᠤ ᠠᠵᠢᠯ ᠤᠯᠭᠤᠬᠤ ᠡᠭᠦᠷᠭᠡ ᠬᠦᠨᠳᠤᠷᠡᠵᠦ᠂ ᠡᠭᠦᠷᠬᠡ ᠳᠠᠷᠤᠯᠳᠠ ᠦᠷᠬᠦᠯᠵᠢᠯᠡᠨ ᠶᠡᠭᠡᠰᠴᠤ ᠪᠠᠢ᠌ᠨ᠎ᠠ ᠃ ᠡᠭᠦᠨ᠎ᠳᠤ ᠭᠤᠤᠯ᠎ᠨᠢ ᠭᠤᠷᠪᠠᠨ ᠲᠤᠮᠤ ᠪᠦᠯᠦᠭᠯᠡᠯ᠎ᠤᠨ ᠠᠰᠠᠭᠤᠳᠠᠯ ᠪᠤᠢ᠂ ᠨᠢᠭᠡ᠎ᠳᠤ ᠶᠡᠬᠡ ᠰᠤᠷᠭ᠋ᠠᠭᠤᠯᠢ ᠳᠤᠮᠳᠠ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠲᠡᠭᠦᠰᠦᠭᠴᠢᠳ ᠵᠶ᠋ᠡᠷ ᠭᠤᠤᠯᠳᠠᠭᠤᠯᠤᠭᠰᠠᠨ ᠵᠠᠯᠠᠭᠤᠴᠤᠳ᠎ᠲᠤ ᠠᠵᠢᠯ ᠤᠯᠭᠤᠬᠤ ᠠᠰᠠᠭᠤᠳᠠᠯ᠂ ᠬᠤᠶᠠᠷ᠎ᠲᠤ ᠮᠠᠯᠴᠢᠨ ᠲᠠᠷᠢᠶᠠᠴᠢᠳ᠎ᠢ ᠰᠢᠯᠵᠢᠭᠦᠯᠦᠨ ᠠᠵᠢᠯ ᠤᠯᠭᠤᠬᠤ ᠠᠰᠠᠭᠤᠳᠠᠯ᠂ ᠭᠤᠷᠪᠠ᠎ᠳᠤ ᠠᠵᠢᠯ ᠤᠯᠬᠤ᠎ᠳᠤ ᠬᠦᠴᠢᠷ᠎ᠲᠠᠢ ᠪᠠᠢ᠌ᠭ᠎ᠠ ᠪᠦᠯᠦᠭᠯᠡᠯ᠎ᠳᠤ ᠠᠵᠢᠯ ᠤᠯᠭᠤᠬᠤ ᠠᠰᠠᠭᠤᠳᠠᠯ ᠪᠤᠯᠤᠨ᠎ᠠ᠃ ᠬᠢᠷᠬᠢᠨ ᠪᠦᠳᠤᠮᠵᠢᠲᠠᠢ᠎ᠪᠠᠷ ᠠᠵᠢᠯ ᠤᠯᠭᠤᠬᠤ ᠬᠡᠪᠴᠢᠶ᠎ᠡ ᠵᠢ ᠦᠷᠬᠡᠳᠭᠡᠬᠦ᠂ ᠠᠵᠢᠯ ᠤᠯᠭᠤᠬᠤ ᠠᠷᠭ᠎ᠠ ᠵᠠᠮ᠎ᠢ ᠰᠢᠯᠤᠭᠤᠳᠬᠠᠬᠤ᠂ ᠰᠢᠨ᠎ᠡ ᠵᠢ ᠡᠭᠦᠳᠤᠨ ᠠᠵᠢᠯ ᠤᠯᠭᠤᠬᠤ᠎ᠳᠤ ᠦᠢ᠍ᠯᠡᠴᠢᠯᠡᠵᠦ᠂ ᠡᠳᠡᠭᠡᠷ ᠭᠤᠤᠯᠳᠠᠯᠭ᠎ᠠ ᠲᠠᠢ ᠪᠦᠯᠦᠭᠯᠡᠯ᠎ᠳᠤ ᠭᠦᠢ᠍ᠴᠡᠳ ᠠᠵᠢᠯ ᠤᠯᠭᠤᠬᠤ ᠵᠢ ᠠᠬᠢᠭᠤᠯᠵᠦ ᠂ ᠲᠤᠭᠳᠠᠭᠤᠨ ᠠᠵᠢᠯ ᠤᠯᠭᠤᠬᠤ ᠪᠤᠯ ᠮᠠᠨ᠎ᠤ ᠡᠮᠤᠨ᠎ᠡ ᠲᠠᠯᠪᠢᠭᠳᠠᠵᠦ ᠪᠠᠢ᠌ᠭ᠎ᠠ ᠴᠢᠬᠤᠯᠠ ᠡᠭᠦᠷᠬᠡ ᠮᠦᠨ᠃
ᠬᠡᠯᠡᠯᠭᠡᠨ ᠦᠬᠡᠢ᠂ ᠰᠢᠨ᠎ᠡ ᠬᠦᠴᠢᠷᠳᠠᠯ ᠪᠠ ᠠᠰᠠᠭᠤᠳᠠᠯ᠎ᠳᠤ ᠬᠠᠨᠳᠤᠭᠤᠯᠵᠦ᠂ ᠪᠢᠳᠡ ᠪᠠᠰᠠ ᠠᠵᠦ ᠠᠬᠤᠢ ᠵᠢᠨ ᠬᠦᠭᠵᠢᠯᠳᠠ ᠵᠢᠨ ᠰᠢᠨ᠎ᠡ ᠬᠡᠪ ᠪᠠᠢ᠌ᠳᠠᠯ᠎ᠨᠢ ᠴᠤ᠌ ᠰᠢᠨ᠎ᠡ ᠠᠵᠦ ᠦᠢ᠍ᠯᠡᠰ ᠪᠤᠯᠤᠨ ᠰᠢᠨ᠎ᠡ ᠬᠡᠷᠡᠭᠴᠡᠭᠡ ᠵᠢ ᠵᠠᠢ᠌ᠯᠠᠰᠢ ᠦᠬᠡᠢ ᠪᠤᠢ ᠪᠤᠯᠭ᠋ᠠᠵᠦ᠂ ᠢᠯᠠᠩᠭᠤᠶ᠎ᠠ ᠮᠠᠨ᠎ᠤ ᠤᠷᠤᠨ᠎ᠤ ᠦᠢ᠍ᠯᠡᠴᠢᠯᠡᠭᠡᠨ᠎ᠤ ᠬᠡᠪᠴᠢᠶ᠎ᠡ ᠪᠠᠭ᠎ᠠ᠂ ᠲᠡᠰ ᠲᠠᠪᠬᠤᠷᠭ᠎ᠠ ᠳᠤᠤᠷ᠎ᠠ ᠪᠠᠢ᠌ᠵᠦ᠂ ᠬᠦᠭᠵᠢᠯᠳᠡ ᠵᠢᠨ ᠤᠷᠤᠨ ᠵᠠᠢ ᠴᠤ᠌ ᠮᠠᠰᠢ ᠶᠡᠬᠡ ᠪᠠᠢ᠌ᠬᠤ ᠪᠤᠯᠬᠤᠷ ᠰᠤᠶᠤᠯ᠎ᠤᠨ ᠵᠢᠭᠤᠯᠴᠢᠯᠠᠯ᠂ ᠨᠠᠰᠤᠳᠠᠨ᠎ᠤ ᠡᠷᠡᠭᠦᠯ ᠮᠡᠨᠳᠤ ᠵᠢᠨ ᠠᠰᠠᠷᠠᠯ᠂ ᠪᠠᠶ᠎ᠡ ᠵᠢᠨ ᠲᠠᠮᠢᠷ᠎ᠤᠨ ᠴᠢᠬᠢᠷᠠᠭᠵᠢᠭᠤᠯᠤᠯ᠂ ᠡᠯᠸᠺᠲᠷᠤᠨ ᠬᠤᠳᠠᠯᠳᠤᠭ᠎ᠠ ᠵᠢᠨ ᠶᠠᠪᠤᠳᠠᠯ ᠵᠡᠷᠬᠡ ᠠᠵᠦ ᠦᠢ᠍ᠯᠡᠰ᠎ᠨᠢ ᠠᠵᠦ ᠠᠬᠤᠢ ᠵᠢᠨ ᠨᠡᠮᠡᠭᠳᠡᠯ᠎ᠤᠨ ᠰᠢᠨ᠎ᠡ ᠴᠢᠭ᠋ ᠪᠤᠯᠵᠦ᠂ ᠮᠦᠨᠴᠤ ᠠᠵᠢᠯ ᠤᠯᠭᠤᠯᠳᠠ ᠵᠢ ᠦᠷᠭᠡᠳᠬᠡᠬᠦ᠎ᠳᠤ ᠨᠡᠩ ᠶᠡᠬᠡ ᠤᠷᠤᠨ ᠵᠠᠢ ᠤᠯᠭᠤᠨ ᠦᠭᠬᠦ ᠪᠤᠯᠤᠨ᠎ᠠ ᠬᠡᠳᠡᠭ᠎ᠢ ᠤᠯᠵᠦ ᠬᠠᠷᠠᠯ᠎ᠠ᠃ ᠢᠢ᠍ᠮᠤᠠᠴᠠ ᠪᠢᠳᠠ ᠡᠳᠡᠭᠡᠷ ᠠᠰᠢᠭᠲᠠᠢ ᠲᠤᠬᠢᠶᠠᠯ᠎ᠢ ᠵᠠᠪᠳᠤᠵᠦ᠂ ᠠᠵᠦ ᠠᠬᠤᠢ ᠵᠢᠨ ᠪᠦᠳᠤᠴᠡ ᠵᠢ ᠲᠤᠬᠢᠷᠠᠭᠤᠯᠬᠤ᠂ ᠠᠵᠦ ᠦᠢ᠍ᠯᠠᠰ᠎ᠤᠨ ᠬᠡᠯᠪᠡᠷᠢ ᠵᠢ ᠬᠤᠪᠢᠷᠠᠭᠤᠯᠤᠨ ᠲᠡᠰ ᠦᠰᠭᠡᠬᠦ᠎ᠳᠤ ᠬᠦᠮᠤᠨ᠎ᠤ ᠬᠦᠴᠤᠨ᠎ᠤ ᠡᠬᠢ ᠪᠠᠶᠠᠯᠢᠭ᠎ᠤᠨ ᠮᠡᠳᠡᠯᠭᠡ ᠪᠤᠯᠪᠡᠰᠤᠷᠠᠯᠢ ᠲᠡᠭᠡᠭᠰᠢᠯᠡᠬᠦᠯᠬᠦ ᠱᠠᠭ᠋ᠠᠷᠳᠠᠯᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠲᠤᠬᠢᠷᠠᠯᠴᠠᠵᠦ᠂ ᠪᠦᠳᠤᠴᠡ ᠵᠢᠨ ᠴᠢᠨᠠᠷᠲᠠᠢ ᠠᠵᠢᠯ ᠠᠯᠳᠠᠬᠤ ᠲᠦᠭᠰᠢᠭᠦᠷᠢ ᠵᠢ ᠡᠵᠡᠮᠳᠡᠬᠦ ᠪᠠ ᠠᠷᠢᠯᠭ᠋ᠠᠵᠦ᠂ ᠰᠢᠨ᠎ᠡ᠎ᠪᠠᠷ ᠮᠠᠨᠳᠤᠭᠰᠠᠨ ᠠᠵᠦ ᠦᠢ᠍ᠯᠡᠰ᠂ ᠳᠡᠭᠡᠳᠤ ᠰᠢᠨ᠎ᠡ ᠮᠡᠷᠭᠡᠵᠢᠯ᠎ᠤᠨ ᠠᠵᠦ ᠦᠢ᠍ᠯᠡᠰ᠂ ᠤᠳᠤᠬᠢᠴᠢᠯᠠᠭᠰᠠᠨ ᠦᠢ᠍ᠯᠡᠴᠢᠯᠡᠭᠡᠨ᠎ᠤ ᠦᠢ᠍ᠯᠡᠰ ᠵᠢᠴᠢ ᠰᠢᠨ᠎ᠡ ᠪᠠᠢ᠌ᠳᠠᠯ ᠲᠦᠯᠦᠪ᠎ᠤᠨ ᠬᠦᠭᠵᠢᠯᠳᠡ᠎ᠪᠠᠷ ᠳᠠᠮᠵᠢᠭᠤᠯᠤᠨ᠂ ᠨᠡᠩ ᠪᠦᠷᠢᠨ ᠭᠦᠢ᠍ᠴᠡᠳ ᠪᠦᠬᠡᠳ ᠦᠨᠳᠤᠷ ᠴᠢᠨᠰᠠᠭ᠎ᠠ ᠪᠦᠬᠦᠢ ᠠᠵᠢᠯ ᠤᠯᠭᠤᠯᠳᠠ ᠵᠢ ᠪᠡᠶᠡᠯᠡᠬᠦᠯᠬᠦ ᠵᠢ ᠠᠬᠢᠭᠤᠯᠬᠤ ᠬᠡᠷᠡᠭᠲᠠᠢ ᠪᠠᠢ᠌ᠨ᠎ᠠ᠃
[ ᠬᠦᠳᠤᠯᠦᠭᠴᠢ] ᠡᠳᠡᠭᠡᠷ ᠬᠦᠴᠢᠷᠳᠡᠯ ᠪᠠ ᠦᠷᠢᠰᠤᠯᠳᠤᠭᠡᠨ᠎ᠳᠤ ᠬᠠᠨᠳᠤᠭᠤᠯᠵᠦ᠂ ᠡᠨᠡ ᠵᠢᠯ ᠵᠠᠰᠠᠭ᠎ᠤᠨ ᠤᠷᠳᠤᠨ᠎ᠠᠴᠠ ᠠᠵᠢᠯ ᠤᠯᠭᠤᠯᠳᠠ ᠵᠢ ᠠᠬᠢᠭᠤᠯᠬᠤ ᠲᠠᠯ᠎ᠠ᠎ᠪᠠᠷ ᠶᠠᠮᠡᠷ ᠠᠵᠢᠯ᠎ᠤᠨ ᠬᠠᠷᠠᠯᠳᠠᠤᠳᠢ ᠲᠤᠭᠳᠠᠭ᠋ᠠᠭᠰᠠᠨ ᠪᠤᠢ?
[ ᠸᠠᠩ ᠶᠢᠤ ᠬᠤᠩ] ᠡᠩ ᠲᠡᠷᠢᠬᠦᠨ᠎ᠳᠤ ᠲᠠ ᠪᠦᠬᠦᠨ᠎ᠳᠤ ᠮᠠᠨ᠎ᠤ ᠡᠨᠡ ᠵᠢᠯ᠎ᠤᠨ ᠠᠵᠢᠯ᠎ᠤᠨ ᠬᠠᠷᠠᠯᠳᠠ᠎ᠪᠠᠨ ᠲᠠᠨᠢᠯᠴᠠᠭᠤᠯᠤᠶ᠎ᠠ᠃ ᠡᠨᠡ ᠵᠢᠯ᠂ ᠪᠦᠬᠦ ᠤᠷᠤᠨ᠎ᠤ ᠬᠤᠳᠠ ᠪᠠᠯᠭ᠋ᠠᠰᠤ ᠵᠢᠨ ᠠᠵᠢᠯ ᠤᠯᠭᠤᠯᠳᠠ᠎ᠳᠤ 25 ᠲᠦᠮᠡᠨ ᠬᠦᠮᠤᠨ᠎ᠠᠴᠠ ᠳᠡᠭᠡᠭᠰᠢ ᠰᠢᠨ᠎ᠡ᠎ᠪᠠᠷ ᠨᠡᠮᠡᠭᠳᠡᠬᠦᠯᠬᠦ ᠵᠢ ᠪᠠᠳᠤᠯᠠᠨ ᠪᠡᠶᠡᠯᠡᠬᠦᠯᠵᠦ᠂26 ᠲᠦᠮᠡ᠎ᠳᠤ ᠬᠦᠷᠤᠬᠦᠯᠬᠦ᠎ᠪᠠᠷ ᠴᠢᠷᠮᠠᠢ᠌ᠵᠦ᠂ ᠬᠤᠳᠠ ᠪᠠᠯᠭ᠋ᠠᠰᠤ ᠵᠢᠨ ᠪᠦᠷᠢᠳᠭᠡᠯᠭᠡᠬᠦ ᠠᠵᠢᠯ ᠠᠯᠳᠠᠭᠰᠠᠳ᠎ᠤᠨ ᠨᠤᠷᠮ᠎ᠠ ᠵᠢ 4.0%᠎ᠤᠨ ᠳᠤᠳᠤᠷ᠎ᠠ ᠬᠢᠵᠠᠭ᠋ᠠᠷᠯᠠᠨ᠎ᠠ; ᠠᠵᠢᠯ ᠠᠯᠳᠠᠭᠰᠠᠳ᠎ᠤᠨ5 ᠲᠦᠮᠡᠨ ᠬᠦᠮᠤᠨ᠎ᠳᠤ ᠳᠠᠬᠢᠨ ᠠᠵᠢᠯ ᠤᠯᠭᠤᠵᠦ᠂ ᠠᠵᠢᠯ ᠤᠯᠬᠤ᠎ᠳᠤ ᠬᠦᠴᠢᠷ᠎ᠲᠠᠢ ᠪᠠᠢ᠌ᠭ᠎ᠠ ᠬᠦᠮᠤᠰ᠎ᠤᠨ 6 ᠲᠦᠮᠡᠨ ᠬᠦᠮᠤᠨ᠎ᠳᠤ ᠠᠵᠢᠯ ᠤᠯᠭᠤᠬᠤ ᠵᠢ ᠪᠡᠶᠡᠯᠡᠬᠦᠯᠦᠨ᠎ᠡ᠃ ᠬᠤᠳᠠ ᠪᠠᠯᠭ᠋ᠠᠰᠤ ᠵᠢᠨ ᠮᠡᠷᠭᠡᠵᠢᠯ ᠴᠢᠳᠠᠪᠤᠷᠢ ᠵᠢᠨ ᠪᠤᠯᠪᠠᠰᠤᠷᠠᠭᠤᠯᠤᠯ᠎ᠳᠤ13 ᠲᠦᠮᠡᠨ ᠬᠦᠮᠤᠨ ᠪᠤᠯᠪᠠᠰᠤᠷᠠᠭᠤᠯᠵᠦ᠂ ᠪᠤᠯᠪᠠᠰᠤᠷᠠᠭᠤᠯᠤᠭᠰᠠᠨᠤ ᠰᠡᠭᠦᠯᠡᠷ11 ᠲᠦᠮᠡᠨ ᠬᠦᠮᠤᠨ᠎ᠳᠤ ᠠᠵᠢᠯ ᠤᠯᠭᠤᠬᠤ ᠵᠢ ᠪᠡᠶᠡᠯᠡᠬᠦᠯᠦᠨ᠎ᠡ; ᠲᠠᠷᠢᠶᠠᠴᠢᠨ ᠮᠠᠯᠴᠢᠨ᠎ᠢ ᠰᠢᠯᠵᠢᠬᠦᠯᠬᠦ ᠮᠡᠷᠭᠡᠵᠢᠯ ᠴᠢᠳᠠᠪᠤᠷᠢ ᠵᠢᠨ ᠪᠤᠯᠪᠠᠰᠤᠷᠠᠭᠤᠯᠤᠯ᠎ᠳᠤ13 ᠲᠦᠮᠡᠨ ᠬᠦᠮᠤᠨ ᠪᠤᠯᠪᠠᠰᠤᠷᠠᠭᠤᠯᠤᠨ᠎ᠠ᠃ ᠠᠳᠠᠯ ᠦᠢ᠍ᠯᠡᠰ ᠪᠤᠰᠬᠠᠬᠤ ᠪᠤᠯᠪᠠᠰᠤᠷᠠᠭᠤᠯᠤᠯ᠎ᠳᠤ 5 ᠲᠦᠮᠡᠨ ᠬᠦᠮᠤᠨ ᠪᠤᠯᠪᠠᠰᠤᠷᠠᠭᠤᠯᠵᠦ᠂ ᠪᠤᠯᠪᠠᠰᠤᠷᠠᠭᠤᠯᠤᠭᠰᠠᠨᠤ ᠰᠡᠭᠦᠯᠡᠷ4 ᠲᠦᠮᠡᠨ ᠬᠦᠮᠤᠨ ᠵᠶ᠋ᠡᠷ ᠠᠮᠵᠢᠯᠳᠠ᠎ᠪᠠᠷ ᠠᠳᠠᠯ ᠦᠢ᠍ᠯᠡᠰ ᠪᠤᠰᠬᠠᠯᠭ᠋ᠠᠵᠦ᠂ ᠡᠭᠦᠳᠤᠨ ᠪᠠᠢ᠌ᠭᠤᠯᠤᠭᠰᠠᠨ ᠠᠳᠠᠯ ᠦᠢ᠍ᠯᠡᠰ᠎ᠲᠤ13 ᠲᠦᠮᠡ᠎ᠠᠴᠠ ᠳᠡᠭᠡᠭᠰᠢᠬᠢ ᠬᠦᠮᠤᠨ᠎ᠳᠤ ᠠᠵᠢᠯ ᠤᠯᠭᠤᠨ᠎ᠠ;23 ᠳ᠋ᠦᠩᠰᠢᠭᠤᠷ ᠲᠦᠭᠦᠷᠢᠭ᠎ᠤᠨ ᠪᠠᠭ᠎ᠠ ᠲᠤᠭ᠋ᠠᠨ᠎ᠤ ᠪᠠᠳᠤᠯᠠᠭ᠎ᠠ ᠵᠢᠨ ᠵᠢᠭᠡᠯᠡᠯᠬᠡ ᠳᠠᠯᠪᠢᠨ᠎ᠠ᠃ ᠲᠠᠷᠢᠶᠠᠯᠠᠬᠤ ᠮᠠᠯᠵᠢᠬᠤ ᠤᠷᠤᠨ᠎ᠤ ᠬᠦᠳᠡᠯᠮᠤᠷᠢ ᠵᠢᠨ ᠬᠦᠴᠤᠨ᠎ᠢ ᠰᠢᠯᠵᠢᠭᠦᠯᠤᠨ 245 ᠬᠦᠮᠤᠨ᠎ᠳᠤ ᠠᠵᠢᠯ ᠤᠯᠭᠤᠵᠦ᠂ ᠡᠭᠦᠨ᠎ᠳᠤ 6 ᠰᠠᠷ᠎ᠠ᠎ᠠᠴᠠ ᠳᠡᠭᠡᠭᠰᠢ ᠠᠵᠢᠯ ᠤᠯᠭᠤᠨ ᠰᠢᠯᠵᠢᠬᠦᠯᠬᠦ ᠬᠦᠮᠤᠨ᠎ᠢ 200 ᠲᠦᠮᠡ ᠠᠴᠠ ᠳᠡᠭᠡᠭᠰᠢ ᠳᠤ ᠬᠦᠷᠤᠬᠦᠯᠦᠨᠡ; ᠠᠵᠢᠯ ᠠᠯᠳᠠᠭᠰᠠᠳ᠎ᠤᠨ ᠳᠠᠭ᠋ᠠᠳᠬᠠᠯ᠎ᠳᠤ 237 ᠲᠦᠮᠡᠨ ᠬᠦᠮᠤᠨ᠎ᠢ ᠤᠷᠤᠯᠴᠠᠭᠤᠯᠵᠦ᠂ ᠪᠦᠬᠦᠨ᠎ᠢ ᠦᠨᠡᠨ ᠨᠡᠷ᠎ᠡ ᠵᠢᠨ ᠲᠦᠷᠢᠮ ᠵᠶ᠋ᠡᠷ ᠬᠠᠮᠢᠶᠠᠷᠤᠨ᠎ᠠ; ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠵᠠᠷᠤᠳᠠᠯ᠎ᠢ18 ᠳ᠋ᠦᠩᠰᠢᠭᠤᠷ ᠲᠦᠭᠦᠷᠢᠭ ᠳᠠᠳᠠᠪᠤᠷᠢᠯᠠᠨ ᠲᠤᠰᠢᠶᠠᠨ᠎ᠠ᠃
[ ᠬᠦᠳᠤᠯᠦᠭᠴᠢ] ᠡᠳᠡᠭᠡᠷ ᠬᠠᠷᠠᠯᠳᠠᠳᠤ ᠡᠭᠦᠷᠭᠡ ᠵᠢ ᠪᠠᠳᠤᠯᠠᠨ ᠪᠡᠶᠡᠯᠡᠬᠦᠯᠬᠦ᠎ᠳᠤ ᠬᠦᠴᠤᠨ ᠳᠡᠭᠦᠯᠳᠡᠷ ᠲᠦᠷᠦ ᠵᠢᠨ ᠪᠤᠳᠤᠯᠭ᠎ᠠ ᠪᠤᠯᠤᠨ ᠠᠷᠭ᠎ᠠ ᠬᠡᠮᠵᠢᠶ᠎ᠡ᠎ᠠᠴᠠ ᠯᠠᠪᠲᠠᠢ ᠰᠠᠯᠵᠦ ᠴᠢᠳᠠᠬᠤ ᠦᠬᠡᠢ ᠪᠠᠢ᠌ᠬ᠎ᠠ᠂ ᠳᠡᠭᠡᠪᠡᠯ ᠡᠨᠡ ᠵᠢᠯ ᠠᠵᠢᠯ ᠤᠯᠭᠤᠬᠤ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠤᠢ?
[ ᠸᠠᠩ ᠶᠢᠤ ᠬᠤᠩ] ᠲᠦᠭᠦᠮᠴᠢᠯᠡᠭᠡᠳ ᠬᠡᠯᠡᠪᠡᠯ᠄ ᠨᠢᠭᠡ ᠭᠤᠤᠯ ᠰᠤᠭᠤᠮᠢ ᠪᠠᠳᠤ ᠡᠵᠡᠮᠰᠢᠵᠦ᠂ ᠵᠢᠷᠭᠤᠭ᠋ᠠᠨ ᠭᠤᠤᠯᠳᠠᠯᠭ᠎ᠠ᠎ᠲᠠᠢ ᠠᠵᠢᠯ᠎ᠢ ᠠᠳᠬᠤᠵᠦ᠂ ᠭᠤᠷᠪᠠᠨ ᠲᠠᠯ᠎ᠠ ᠵᠢᠨ ᠠᠵᠢᠯ᠎ᠤᠨ ᠱᠠᠭ᠋ᠠᠷᠳᠠᠯᠭ᠎ᠠ ᠵᠢ ᠴᠢᠩᠭ᠋ᠠᠷᠠᠭᠤᠯᠤᠨ᠎ᠠ᠃ ᠪᠤᠳᠠᠲᠠᠢ᠎ᠪᠠᠷ ᠬᠡᠯᠡᠪᠡᠯ᠄ ᠠᠵᠢᠯ ᠤᠯᠭᠤᠬᠤ ᠢᠳᠡᠪᠬᠢᠲᠠᠢ ᠲᠦᠷᠦ ᠵᠢᠨ ᠪᠤᠳᠤᠯᠭ᠎ᠠ ᠵᠢ ᠳᠡᠭᠦᠯᠳᠡᠷᠵᠢᠬᠦᠯᠬᠦ ᠪᠠ ᠨᠠᠢ᠌ᠳᠠᠪᠤᠷᠢᠵᠢᠭᠤᠯᠵᠦ᠂ ᠠᠳᠠᠯ ᠦᠢ᠍ᠯᠡᠰ ᠪᠤᠰᠬᠠᠨ ᠠᠵᠢᠯ ᠤᠯᠭᠤᠬᠤ ᠢᠨᠵᠸᠨ᠋ᠸᠷᠢᠩ᠎ᠢ ᠪᠦᠬᠦ ᠲᠠᠯ᠎ᠠ᠎ᠪᠠᠷ ᠠᠬᠢᠭᠤᠯᠵᠦ᠂ ᠠᠵᠢᠯ ᠤᠯᠭᠤᠬᠤ ᠵᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠲᠦᠯᠦᠪᠯᠡᠭᠡ᠎ᠪᠠᠷ ᠭᠤᠤᠯ ᠱᠤᠭᠤᠮ ᠪᠤᠯᠭ᠋ᠠᠵᠦ᠂ ᠠᠵᠢᠯ ᠵᠶ᠋ᠡᠨ ᠨᠢᠭᠡᠳᠤᠯᠲᠠᠢ ᠲᠦᠯᠦᠪᠵᠢᠭᠦᠯᠦᠨ ᠪᠠᠢ᠌ᠷᠢᠯᠠᠭᠤᠯᠵᠦ᠂ ᠡᠯ᠎ᠡ ᠵᠦᠢ᠍ᠯ᠎ᠤᠨ ᠬᠠᠷᠠᠯᠳᠠᠳᠤ ᠡᠭᠦᠷᠬᠡ ᠵᠢ ᠳᠡᠷᠡ ᠶᠤᠰᠤᠭ᠋ᠠᠷ᠎ᠨᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠦ᠂ ᠠᠳᠠᠯ ᠦᠢ᠍ᠯᠡᠰ ᠪᠤᠰᠬᠠᠨ ᠠᠵᠢᠯ ᠤᠯᠭᠤᠬᠤ ᠢᠨᠵᠸᠨ᠋ᠸᠷᠢᠩ᠂ ᠭᠤᠷᠪᠠᠨ ᠵᠢᠯ᠎ᠤᠨ ᠠᠵᠢᠯᠯᠠᠭ᠋ᠠᠨ᠎ᠤ ᠲᠦᠯᠦᠪᠯᠡᠬᠡᠳᠤ ᠳᠡᠭᠦᠰ ᠳᠡᠮᠳᠡᠭ
ᠵᠢᠷᠤᠨ᠎ᠠ ᠃
ᠰᠡᠳᠬᠢᠯ ᠰᠠᠨᠠᠭ᠎ᠠ ᠬᠦᠴᠤᠨ ᠴᠢᠳᠠᠯ ᠵᠶ᠋ᠡᠨ ᠨᠢᠭᠡᠳᠭᠡᠵᠦ ᠵᠢᠷᠭᠤᠭ᠋ᠠᠨ ᠵᠦᠢ᠍ᠯ᠎ᠤᠨ ᠭᠤᠤᠯᠳᠠᠯᠭ᠎ᠠ᠎ᠲᠠᠢ ᠠᠵᠢᠯ᠎ᠢ ᠰᠠᠢ᠌ᠳᠤᠷ ᠠᠳᠬᠤᠨ᠎ᠠ᠃ ᠨᠢᠭᠡ᠎ᠳᠤ ᠬᠤᠳᠠ ᠬᠦᠳᠡᠭᠡ ᠵᠢ ᠨᠢᠭᠡᠳᠤᠯᠲᠠᠢ ᠲᠦᠯᠦᠪᠯᠡᠵᠦ ᠠᠷᠭ᠎ᠠ ᠪᠦᠬᠦᠨ᠎ᠢ ᠰᠦᠪᠡᠭᠴᠢᠯᠡᠨ ᠠᠵᠢᠯ ᠤᠯᠭᠤᠬᠤ ᠵᠢ ᠦᠷᠭᠡᠳᠬᠡᠨ᠎ᠡ᠃ ᠬᠤᠶᠡᠷ᠎ᠲᠤ ᠠᠵᠢᠯ ᠮᠡᠷᠭᠡᠵᠢᠯ᠎ᠤᠨ ᠮᠡᠷᠭᠡᠵᠢᠯ ᠴᠢᠳᠠᠪᠤᠷᠢ ᠵᠢᠨ ᠪᠤᠯᠪᠠᠰᠤᠷᠠᠭᠤᠯᠤᠯ᠎ᠢ ᠴᠢᠩᠭ᠋ᠠᠳᠬᠠᠵᠦ᠂ ᠠᠵᠢᠯ ᠤᠯᠭᠤᠯᠳᠠ ᠵᠢᠨ ᠪᠦᠳᠤᠴᠡ ᠵᠢᠨ ᠴᠢᠨᠠᠷᠲᠠᠢ ᠵᠦᠷᠢᠴᠡᠯ᠎ᠢ ᠰᠢᠢ᠍ᠳᠪᠤᠷᠢᠯᠡᠨ᠎ᠡ᠃ ᠭᠤᠷᠪᠠ᠎ᠳᠤ ᠦᠢ ᠤᠯᠠᠨ ᠠᠳᠠᠯ ᠦᠢ᠍ᠯᠡᠰ ᠪᠤᠰᠬᠠᠬᠤ ᠵᠢ ᠪᠦᠬᠦ ᠲᠠᠯ᠎ᠠ᠎ᠪᠠᠷ ᠠᠬᠢᠭᠤᠯᠵᠦ᠂ ᠠᠳᠠᠯ ᠦᠢ᠍ᠯᠡᠰ᠎ᠤᠨ ᠪᠤᠰᠬᠠᠯᠳᠠ᠎ᠪᠠᠷ ᠠᠵᠢᠯ ᠤᠯᠤᠭᠤᠬᠤ ᠵᠢ ᠳᠠᠢ᠌ᠴᠢᠯᠠᠬᠤ ᠵᠢ ᠠᠬᠢᠭᠤᠯᠤᠨ᠎ᠠ᠃ ᠳᠦᠷᠪᠡ᠎ᠳᠤ ᠠᠵᠢᠯ ᠤᠯᠭᠤᠬᠤ ᠲᠤᠰᠠᠯᠠᠮᠵᠢ ᠵᠢᠨ ᠠᠵᠢᠯ᠎ᠢ ᠤᠯᠠᠮ ᠴᠢᠩᠭ᠋ᠠᠳᠬᠠᠵᠦ᠂ ᠬᠦᠴᠢᠷᠳᠡᠯ᠎ᠲᠠᠢ ᠪᠦᠯᠦᠭᠯᠡᠯ᠎ᠳᠤ ᠲᠤᠭᠳᠠᠭᠤᠨ ᠠᠵᠢᠯ ᠤᠯᠤᠭᠤᠬᠤ ᠵᠢ ᠠᠬᠢᠭᠤᠯᠤᠨ᠎ᠠ᠃ ᠳᠠᠪᠤ᠎ᠳᠤ ᠦᠢ᠍ᠯᠡᠴᠢᠯᠡᠭᠡᠨ᠎ᠤ ᠴᠢᠳᠠᠪᠤᠷᠢ ᠵᠢᠨ ᠪᠠᠢ᠌ᠭᠤᠯᠤᠯᠳᠠ ᠵᠢ ᠴᠢᠩᠭ᠋ᠠᠳᠬᠠᠵᠦ᠂ ᠠᠵᠢᠯ ᠤᠯᠭᠤᠯᠳᠠ ᠵᠢᠨ ᠦᠨᠡᠨ ᠨᠡᠷ᠎ᠡ ᠵᠢᠨ ᠲᠦᠷᠢᠮ ᠵᠶ᠋ᠡᠷ ᠬᠠᠮᠢᠶᠠᠷᠬᠤ ᠵᠢ ᠪᠦᠬᠦ ᠲᠠᠯ᠎ᠠ᠎ᠪᠠᠷ ᠬᠡᠷᠡᠭᠵᠢᠬᠦᠯᠦᠨ᠎ᠡ᠃ ᠵᠢᠷᠭᠤᠭ᠎ᠠ᠎ᠳᠤ ᠠᠵᠢᠯ ᠤᠯᠭᠤᠬᠤ ᠠᠵᠢᠯ ᠠᠯᠳᠠᠬᠤ ᠮᠡᠳᠡᠭᠡ ᠵᠠᠩᠬᠢ ᠵᠢᠨ ᠬᠢᠨᠠᠨ ᠬᠡᠮᠵᠢᠯᠳᠡ ᠵᠢ ᠴᠢᠩᠭ᠋ᠠᠷᠠᠭᠤᠯᠵᠦ᠂ ᠠᠵᠢᠯ ᠤᠯᠭᠤᠬᠤ ᠪᠠᠢ᠌ᠳᠠᠯ᠎ᠢ ᠦᠨᠳᠤᠰᠤᠨ᠎ᠳᠡᠭᠡᠨ ᠲᠤᠭᠳᠠᠭᠤᠨ ᠪᠠᠢ᠌ᠯᠭ᠋ᠠᠨ᠎ᠠ᠃
ᠵᠢᠷᠭᠤᠭ᠋ᠠᠨ ᠵᠦᠢ᠍ᠯ᠎ᠤᠨ ᠭᠤᠤᠯᠳᠠᠯᠭ᠎ᠠ᠎ᠲᠠᠢ ᠠᠵᠢᠯ᠎ᠢ ᠪᠤᠳᠠᠲᠠᠢ᠎ᠳᠤ ᠨᠠᠢ᠌ᠳᠠᠪᠤᠷᠢᠵᠢᠭᠤᠯᠬᠤ ᠵᠢ ᠪᠠᠳᠤᠯᠠᠬᠤ ᠵᠢᠨ ᠲᠤᠰᠠᠳᠠ᠂ ᠭᠤᠷᠪᠠᠨ ᠲᠠᠯ᠎ᠠ ᠵᠢᠨ ᠠᠵᠢᠯ᠎ᠤᠨ ᠱᠠᠭ᠋ᠠᠷᠳᠠᠯᠭ᠎ᠠ ᠵᠢ ᠴᠢᠩᠭ᠋ᠠᠷᠠᠭᠤᠯᠤᠨ᠎ᠠ᠃ ᠨᠢᠭᠡ᠎ᠳᠤ ᠬᠠᠷᠢᠭᠤᠴᠠᠯᠭ᠋ᠠᠳᠤ ᠤᠬᠠᠮᠰᠠᠷ᠎ᠢ ᠳᠡᠭᠡᠭᠰᠢᠯᠡᠬᠦᠯᠵᠦ᠂ ᠵᠤᠷᠢᠭᠲᠠᠢ᠎ᠪᠠᠷ ᠬᠠᠷᠢᠭᠤᠴᠠᠬᠤ ᠪᠤᠯᠭ᠋ᠠᠨ᠎ᠠ᠃ ᠬᠤᠶᠠᠷ᠎ᠲᠤ ᠦᠨᠳᠤᠰᠤᠨ ᠱᠠᠳᠤᠨ᠎ᠤ ᠰᠠᠭᠤᠷᠢ ᠠᠵᠢᠯ᠎ᠢ ᠴᠢᠩᠭ᠋ᠠᠷᠠᠭᠤᠯᠵᠦ᠂ ᠬᠦᠴᠤᠲᠠᠢ ᠠᠳᠬᠤᠨ ᠨᠠᠢ᠌ᠳᠠᠪᠤᠷᠢᠵᠢᠭᠤᠯᠤᠨ᠎ᠠ᠃ ᠭᠤᠷᠪᠠ᠎ᠳᠤ ᠰᠢᠮᠳᠠᠭᠤᠯᠤᠨ ᠪᠠᠢ᠌ᠴᠠᠭ᠋ᠠᠵᠦ ᠲᠤᠬᠢᠷᠠᠭᠤᠯᠬᠤ ᠵᠢ ᠴᠢᠩᠭ᠋ᠠᠷᠠᠭᠤᠯᠵᠦ᠂ ᠪᠦᠬᠦ ᠶᠠᠪᠤᠴᠠ᠎ᠳᠤ ᠦᠷ᠎ᠡ ᠪᠦᠳᠤᠮᠵᠢ ᠵᠢ᠎ᠨᠢ ᠮᠦᠷᠳᠡᠨ ᠬᠡᠯᠡᠯᠴᠡᠨ᠎ᠠ᠃
[ ᠬᠦᠳᠦᠯᠦᠭᠴᠢ] ᠬᠤᠳᠠ ᠬᠦᠳᠡᠭᠡ ᠵᠢᠨ ᠠᠵᠢᠯ ᠤᠯᠭᠤᠯᠳᠠ ᠵᠢ ᠨᠢᠭᠡᠳᠤᠯᠲᠡᠢ ᠲᠦᠯᠦᠪᠯᠡᠬᠦ ᠪᠤᠯ ᠬᠤᠳᠠ ᠬᠦᠳᠡᠭᠡ ᠵᠢ ᠪᠦᠷᠭᠦᠭᠰᠡᠨ᠂ ᠲᠦᠷᠢᠮᠵᠢᠬᠦᠯᠦᠨ ᠨᠢᠭᠡᠳᠭᠡᠭᠰᠡᠨ ᠠᠵᠢᠯ ᠤᠯᠭᠤᠬᠤ ᠬᠠᠮᠢᠶᠠᠷᠤᠯᠳᠠ ᠵᠢᠨ ᠦᠢ᠍ᠯᠡᠴᠢᠯᠡᠭᠡᠨ᠎ᠤ ᠵᠤᠬᠢᠶᠠᠨ ᠪᠠᠢ᠌ᠭᠤᠯᠤᠯᠳᠠ ᠵᠢᠨ ᠰᠢᠰᠲᠸᠮ᠎ᠢ ᠪᠠᠢ᠌ᠭᠤᠯᠵᠦ᠂ ᠬᠤᠳᠠ ᠬᠦᠳᠡᠭᠡ ᠵᠢᠨ ᠬᠦᠳᠡᠯᠮᠤᠷᠢ ᠵᠢᠨ ᠬᠦᠴᠤᠨ᠎ᠤ ᠡᠬᠢ ᠪᠠᠶᠠᠯᠢᠭ ᠪᠤᠯᠤᠨ ᠠᠵᠢᠯ ᠤᠯᠭᠤᠬᠤ ᠠᠵᠢᠯ᠎ᠢ ᠨᠢᠭᠡᠳᠤᠯᠲᠠᠢ ᠬᠠᠮᠢᠶᠠᠷᠬᠤ ᠶᠠᠪᠤᠳᠠᠯ ᠪᠤᠯᠤᠨ᠎ᠠ᠃ ᠡᠨᠡ ᠵᠢᠯ ᠬᠤᠳᠠ ᠬᠦᠳᠡᠭᠡ ᠵᠢᠨ ᠠᠵᠢᠯ ᠤᠯᠭᠤᠯᠳᠠ ᠵᠢ ᠨᠢᠭᠡᠳᠤᠯᠲᠠᠢ ᠲᠦᠯᠦᠪᠯᠡᠬᠦ ᠲᠠᠯ᠎ᠠ᠎ᠪᠠᠷ ᠠᠯᠢ ᠬᠡᠳᠤᠨ ᠲᠠᠯ᠎ᠠ ᠵᠢᠨ ᠠᠵᠢᠯ᠎ᠢ ᠲᠤᠪᠤᠢ᠌ᠯᠭ᠋ᠠᠨ ᠰᠠᠢ᠌ᠳᠤᠷ ᠠᠳᠬᠤᠬᠤ ᠪᠤᠢ?
[ ᠸᠠᠩ ᠶᠢᠤ ᠬᠤᠩ] ᠬᠤᠳᠠ ᠬᠦᠳᠡᠭᠡ ᠵᠢᠨ ᠠᠵᠢᠯ ᠤᠯᠭᠤᠯᠳᠠ ᠵᠢ ᠨᠢᠭᠡᠳᠤᠯᠲᠠᠢ ᠲᠦᠯᠦᠪᠯᠡᠬᠦ ᠲᠠᠯ᠎ᠠ᠎ᠪᠠᠷ ᠳᠠᠪᠤᠨ ᠵᠠᠩᠬᠢᠯᠠᠭ᠎ᠠ ᠵᠢ ᠲᠤᠪᠤᠢ᠌ᠯᠭ᠋ᠠᠨ ᠰᠠᠢ᠌ᠳᠤᠷ ᠠᠳᠬᠤᠨ᠎ᠠ᠃ ᠨᠢᠭᠡ᠎ᠳᠤ ᠭᠠᠵᠠᠷ ᠤᠷᠤᠨ᠎ᠤ ᠪᠠᠢ᠌ᠳᠠᠯ᠎ᠳᠤ ᠲᠤᠬᠢᠷᠠᠭᠤᠯᠤᠨ ᠠᠵᠢᠯ ᠤᠯᠭᠤᠬᠤ ᠰᠢᠨ᠎ᠡ ᠨᠡᠮᠡᠭᠳᠡᠯ᠎ᠤᠨ ᠴᠢᠭ᠋᠎ᠢ ᠰᠦᠪᠡᠭᠴᠢᠯᠡᠨ ᠡᠷᠢᠨ᠎ᠠ᠃ ᠠᠵᠦ ᠦᠢ᠍ᠯᠡᠰ᠎ᠤᠨ ᠬᠦᠭᠵᠢᠯᠳᠡ᠂ ᠰᠢᠶᠠᠨ᠎ᠤ ᠬᠡᠪᠴᠢᠶ᠎ᠡ ᠵᠢᠨ ᠠᠵᠦ ᠠᠬᠤᠢ ᠵᠢᠨ ᠬᠦᠭᠵᠢᠯᠳᠡ᠎ᠳᠤ ᠰᠠᠨᠠᠭ᠋ᠠᠴᠢᠯᠠᠭ᠎ᠠ᠎ᠠᠴᠠ᠎ᠪᠠᠨ ᠲᠤᠬᠢᠷᠠᠯᠴᠠᠵᠦ᠂ ᠠᠵᠢᠯ ᠤᠯᠭᠤᠬᠤ ᠨᠡᠩ ᠤᠯᠠᠨ ᠠᠵᠢᠯ᠎ᠤᠨ ᠪᠠᠢ᠌ᠷᠢ ᠵᠢ ᠠᠭᠤᠳᠠᠯᠯᠠᠨ ᠤᠯᠵᠦ᠂ ᠬᠦᠳᠡᠯᠮᠤᠷᠢᠯᠡᠭᠴᠢᠳ᠎ᠲᠤ ᠭᠦᠢ᠍ᠴᠡᠳ ᠠᠵᠢᠯ ᠤᠯᠭᠤᠬᠤ ᠵᠢ ᠠᠬᠢᠭᠤᠯᠤᠨ᠎ᠠ᠃ ᠠᠵᠦ ᠠᠬᠤᠢ ᠵᠢ ᠬᠦᠭᠵᠢᠭᠦᠯᠬᠦ ᠬᠢᠭᠡᠳ ᠠᠵᠢᠯ ᠤᠯᠭᠤᠯᠳᠠ ᠵᠢ ᠠᠬᠢᠭᠤᠯᠬᠤ ᠬᠤᠯᠪᠤᠭ᠋ᠠᠯᠠᠨ ᠬᠦᠳᠡᠯᠤᠯᠴᠡᠬᠦ ᠲᠤᠭᠳᠠᠴᠠ ᠵᠢ ᠤᠯᠠᠮ ᠪᠦᠷᠢᠨᠰᠢᠬᠦᠯᠦᠨ ᠳᠡᠭᠦᠯᠳᠡᠷᠵᠢᠬᠦᠯᠵᠦ᠂ ᠳᠠᠪᠠᠭᠤᠯᠢᠭ ᠠᠵᠦ ᠦᠢ᠍ᠯᠡᠰ ᠪᠤᠯᠤᠨ ᠲᠤᠮᠤ ᠴᠢᠬᠤᠯᠠ ᠲᠦᠷᠦᠯ ᠵᠦᠢ᠍ᠯ᠎ᠤᠨ ᠪᠦᠳᠤᠭᠡᠨ ᠪᠠᠢ᠌ᠭᠤᠯᠤᠯᠳᠠ᠎ᠳᠤ ᠲᠦᠰᠢᠭᠯᠡᠨ᠂ ᠠᠵᠢᠯ ᠤᠯᠭᠤᠬᠤ ᠤᠷᠤᠨ ᠪᠠᠢ᠌ᠷᠢ ᠵᠢ ᠢᠳᠡᠪᠬᠢᠲᠠᠢ ᠨᠡᠭᠡᠬᠡᠵᠦ᠂ ᠠᠵᠢᠯ ᠤᠯᠭᠤᠬᠤ ᠬᠡᠮᠵᠢᠶ᠎ᠡ ᠵᠢ ᠦᠷᠭᠡᠳᠬᠡᠨ᠎ᠡ᠃ ᠬᠤᠶᠠᠷ᠎ᠲᠤ ᠠᠵᠢᠯ᠎ᠤᠨ ᠪᠠᠢ᠌ᠷᠢ ᠵᠢ ᠵᠤᠯᠭ᠋ᠠᠭᠤᠯᠬᠤ ᠠᠷᠭ᠎ᠠ ᠬᠡᠮᠵᠢᠶ᠎ᠡ ᠵᠢ ᠱᠠᠳᠤ ᠬᠤᠪᠢᠶᠠᠨ ᠨᠠᠢ᠌ᠳᠠᠪᠤᠷᠢᠵᠢᠭᠤᠯᠤᠨ᠎ᠠ᠃ ᠲᠤᠮᠤ ᠴᠢᠬᠤᠯᠠ ᠲᠦᠷᠦᠯ ᠵᠦᠢ᠍ᠯ᠎ᠤᠨ ᠠᠬᠢᠴᠠ ᠵᠢ ᠮᠦᠷᠳᠡᠨ ᠳᠠᠭ᠋ᠠᠬᠤ ᠠᠵᠢᠯ᠎ᠤᠨ ᠲᠤᠭᠳᠠᠴᠠ ᠵᠢ ᠳᠡᠭᠦᠯᠳᠡᠷᠵᠢᠬᠦᠯᠵᠦ᠂ ᠮᠡᠳᠡᠭᠡ ᠵᠡᠩᠬᠢ ᠵᠢ ᠵᠤᠯᠭ᠋ᠠᠭᠤᠯᠬᠤ᠂ ᠠᠵᠢᠯ᠎ᠤᠨ ᠪᠠᠢ᠌ᠷᠢ ᠵᠢ ᠵᠤᠯᠭ᠋ᠠᠭᠤᠯᠬᠤ ᠪᠠ ᠪᠤᠯᠪᠠᠰᠤᠷᠠᠭᠤᠯᠤᠯ ᠬᠡᠷᠡᠭᠴᠡᠭᠡ ᠵᠢ ᠵᠤᠯᠭ᠋ᠠᠭᠤᠯᠬᠤ ᠬᠡᠪᠴᠢᠯᠡᠭᠰᠡᠨ ᠠᠵᠢᠯ᠎ᠢ ᠴᠢᠩᠭ᠋ᠠᠠᠭᠤᠯᠵᠦ᠂ ᠵᠠᠰᠠᠭ᠎ᠤᠨ ᠤᠷᠳᠤᠨ᠎ᠠᠴᠠ ᠪᠡᠯᠡ ᠤᠷᠤᠭᠤᠯᠤᠭᠰᠠᠨ ᠲᠤᠮᠤ ᠴᠢᠬᠤᠯᠠ ᠲᠦᠷᠦᠯ ᠵᠦᠢ᠍ᠯ᠎ᠤᠨ ᠠᠵᠢᠯ᠎ᠤᠨ ᠪᠠᠢ᠌ᠷᠢ ᠵᠢ ᠪᠠᠢ᠌ᠴᠠᠭ᠋ᠠᠨ ᠤᠢ᠌ᠯᠠᠭ᠋ᠠᠬᠤ ᠪᠠ ᠳᠠᠩᠰᠠᠯᠠᠨ ᠪᠦᠷᠢᠳᠭᠡᠬᠦ ᠲᠦᠷᠢᠮ᠎ᠢ ᠳᠡᠭᠦᠯᠳᠡᠷᠵᠢᠬᠦᠯᠵᠦ᠂ ᠠᠵᠢᠯ ᠤᠯᠭᠤᠬᠤ ᠠᠵᠢᠯ᠎ᠤᠨ ᠨᠠᠢ᠌ᠳᠠᠪᠤᠷᠢᠵᠢᠭᠤᠯᠤᠯᠢ ᠠᠬᠢᠭᠤᠯᠤᠨ᠎ᠠ᠃ ᠭᠤᠷᠪᠠ᠎ᠳᠤ ᠬᠦᠳᠡᠯᠮᠤᠷᠢ ᠨᠢᠭᠳᠠᠷᠠᠭᠰᠠᠨ ᠠᠵᠦ ᠦᠢ᠍ᠯᠡᠰ᠂ ᠦᠢ᠍ᠯᠡᠴᠢᠯᠡᠭᠡᠨ᠎ᠤ ᠦᠢ᠍ᠯᠡᠰ ᠢᠯᠠᠩᠭᠤᠶ᠎ᠠ ᠰᠢᠶᠠᠨ᠎ᠤ ᠬᠡᠪᠴᠢᠶᠡᠨ᠎ᠤ ᠠᠵᠦ ᠠᠬᠤᠢ ᠵᠢᠨ ᠠᠵᠢᠯ ᠤᠯᠭᠤᠬᠤ ᠭᠤᠤᠯ ᠠᠷᠭ᠎ᠠ ᠵᠠᠮ᠎ᠤᠨ ᠦᠢ᠍ᠯᠡᠳᠤᠯ᠎ᠢ᠎ᠨᠢ ᠭᠦᠢ᠍ᠴᠡᠳ ᠪᠠᠳᠠᠷᠠᠭᠤᠯᠵᠦ᠂ ᠠᠵᠢᠯ ᠤᠯᠭᠤᠬᠤ ᠰᠢᠨ᠎ᠡ ᠨᠡᠮᠡᠭᠳᠡᠯ᠎ᠤᠨ ᠴᠢᠭ᠋᠎ᠢ ᠢᠳᠡᠪᠬᠢᠲᠠᠢ ᠡᠷᠢᠯᠬᠢᠯᠡᠨ ᠨᠡᠬᠡᠭᠡᠵᠦ᠂ ᠬᠤᠳᠠ ᠬᠦᠳᠡᠭᠡ ᠵᠢᠨ ᠬᠦᠳᠡᠯᠮᠤᠷᠢᠯᠡᠭᠴᠢᠳ᠎ᠲᠤ ᠠᠵᠢᠯ ᠤᠯᠭᠤᠬᠤ ᠵᠢ ᠠᠬᠢᠭᠤᠯᠤᠨ᠎ᠠ᠃ ᠰᠢᠨ᠎ᠡ ᠬᠡᠯᠪᠡᠷᠢ ᠵᠢᠨ ᠬᠤᠳᠠ ᠪᠠᠯᠭ᠋ᠠᠰᠤᠵᠢᠯᠳᠠ᠂ ᠠᠵᠦ ᠦᠢ᠍ᠯᠡᠳᠪᠤᠷᠢᠵᠢᠬᠦᠯᠦᠯᠳᠡ ᠪᠤᠯᠤᠨ ᠲᠠᠷᠢᠶᠠᠯᠠᠬᠤ ᠮᠠᠯᠵᠢᠬᠤ ᠤᠷᠤᠨ᠎ᠤ ᠤᠳᠤᠬᠢᠴᠢᠯᠠᠬᠤ ᠠᠬᠢᠴᠠ ᠵᠢ ᠲᠦᠯᠬᠢᠨ ᠠᠬᠢᠭᠤᠯᠬᠤ ᠳᠤᠮᠳᠠ ᠬᠦᠳᠡᠯᠮᠤᠷᠢ ᠨᠢᠭᠳᠠᠷᠠᠭᠰᠠᠨ ᠠᠵᠦ ᠦᠢ᠍ᠯᠡᠰ᠂ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠂ ᠳᠤᠮᠳᠠ ᠵᠢᠵᠢᠭ ᠠᠵᠦ ᠠᠬᠤᠢ᠌ᠯᠠᠯ᠂ ᠠᠷᠠᠳ᠎ᠠᠴᠠ ᠡᠷᠬᠢᠯᠡᠭᠰᠡᠨ ᠠᠵᠦ ᠠᠬᠤᠢ ᠵᠢᠴᠢ ᠰᠢᠨ᠎ᠡ ᠬᠡᠯᠪᠡᠷᠢ ᠵᠢᠨ ᠠᠵᠦ ᠦᠢ᠍ᠯᠡᠰ᠎ᠤᠨ ᠬᠦᠭᠵᠢᠯᠳᠡ ᠵᠢ ᠶᠡᠬᠡ ᠬᠦᠴᠤᠨ ᠵᠶ᠋ᠡᠷ ᠵᠤᠷᠢᠭᠵᠢᠭᠤᠯᠬᠤ ᠪᠠ ᠳᠡᠮᠵᠢᠵᠦ᠂ ᠭᠠᠢ᠌ᠯᠢ ᠳᠠᠳᠠᠪᠤᠷᠢ ᠵᠢ ᠬᠠᠰᠤᠵᠦ ᠬᠡᠯᠳᠤᠷᠢᠬᠦᠯᠬᠦ᠂ ᠨᠠᠢ᠌ᠭᠡᠮ᠎ᠤᠨ ᠳᠠᠭ᠋ᠠᠳᠬᠠᠯ᠎ᠤᠨ ᠨᠦᠬᠦᠪᠤᠷᠢ ᠦᠭᠬᠦ᠂ ᠪᠡᠯᠡ ᠮᠦᠩᠬᠦ᠎ᠪᠠᠷ ᠳᠡᠳᠬᠦᠬᠦ ᠵᠡᠷᠭᠡ ᠡᠯ᠎ᠡ ᠲᠦᠷᠦᠯ᠎ᠤᠨ ᠲᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠬᠤ᠎ᠪᠠᠷ ᠳᠠᠮᠵᠢᠭᠤᠯᠤᠨ ᠠᠵᠢᠯ ᠤᠯᠭᠤᠯᠳᠠ ᠵᠢ ᠰᠢᠩᠭᠡᠭᠡᠬᠦ ᠠᠴᠢᠶᠠᠯᠠᠭᠴᠢ ᠪᠡᠶ᠎ᠡ ᠵᠢ ᠢᠳᠡᠪᠬᠢᠲᠠᠢ ᠪᠤᠢ᠌ᠵᠢᠭᠤᠯᠤᠨ ᠪᠤᠢ ᠪᠤᠯᠭ᠋ᠠᠵᠦ᠂ ᠠᠵᠢᠯ ᠤᠯᠭᠤᠬᠤ ᠠᠷᠭ᠎ᠠ ᠵᠠᠮ᠎ᠢ ᠨᠡᠩ ᠢᠯᠡᠭᠦᠤ ᠦᠷᠭᠡᠳᠬᠡᠵᠦ᠂ ᠠᠵᠢᠯ ᠤᠯᠭᠤᠬᠤ ᠠᠵᠢᠯ᠎ᠤᠨ ᠪᠠᠢ᠌ᠷᠢ ᠵᠢ ᠨᠡᠮᠡᠭᠳᠡᠬᠦᠯᠦᠨ᠎ᠡ᠃ ᠲᠦᠷᠪᠡ᠎ᠳᠤ ᠭᠡᠷ ᠪᠦᠯᠢ ᠵᠢᠨ ᠦᠢ᠍ᠯᠡᠴᠢᠯᠡᠭᠡᠨ᠎ᠤ ᠦᠢ᠍ᠯᠡᠰ᠎ᠢ ᠲᠦᠷᠭᠡᠨ ᠲᠦᠯᠬᠢᠨ ᠬᠦᠭᠵᠢᠬᠦᠯᠬᠦ ᠪᠠᠷ ᠲᠠᠷᠢᠶᠠᠴᠢᠨ ᠮᠠᠯᠴᠢᠳ᠎ᠢ ᠤᠢ᠌ᠷ᠎ᠠ ᠬᠠᠪᠢ ᠲᠤᠬᠠᠢ ᠵᠢᠨ ᠭᠠᠵᠠᠷ᠎ᠲᠤᠨᠢ ᠰᠢᠯᠵᠢᠭᠦᠯᠦᠨ ᠠᠵᠢᠯ ᠤᠯᠤᠭᠤᠬᠤ ᠵᠢ ᠠᠬᠢᠭᠤᠯᠬᠤ ᠵᠢᠨ ᠪᠦᠳᠤᠮᠵᠢᠲᠠᠢ ᠠᠷᠭ᠎ᠠ ᠵᠠᠮ ᠪᠤᠯᠭ᠋ᠠᠨ᠎ᠠ᠃ ᠦᠪᠡᠷᠳᠡᠭᠡᠨ ᠵᠠᠰᠠᠬᠤ ᠤᠷᠤᠨ᠎ᠠᠴᠠ ᠬᠡᠷ ᠪᠦᠯᠢ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠨᠡᠢ᠌ᠳᠡ᠎ᠶᠢᠨ ᠠᠰᠠᠷᠠᠮᠵᠢ ᠵᠢᠨ ᠴᠢᠨᠠᠷᠲᠠᠢ ᠮᠡᠳᠡᠭᠡ ᠵᠠᠩᠬᠢ ᠵᠢᠨ ᠦᠢ᠍ᠯᠡᠴᠢᠯᠡᠭᠡᠨ᠎ᠤ ᠳᠠᠪᠴᠠᠩ 《ᠱᠠᠩᠨᠠᠯ ᠵᠶ᠋ᠡᠷ ᠨᠦᠬᠦᠪᠤᠷᠢ ᠵᠢ ᠤᠷᠤᠯᠠᠭᠤᠯᠬᠤ》 ᠲᠦᠷᠦᠯ ᠵᠦᠢ᠍ᠯ᠎ᠢ ᠦᠷᠬᠦᠯᠵᠢᠯᠡᠨ ᠬᠡᠷᠡᠭᠵᠢᠬᠦᠯᠬᠦ ᠪᠤᠯᠤᠨ᠎ᠠ᠂ 《ᠵᠠᠭᠤᠨ ᠡᠷᠦᠭᠡ ᠠᠷᠪᠠᠨ ᠬᠦᠴᠤᠷᠬᠡᠭ》 ᠬᠡᠷ ᠪᠦᠯᠢ ᠵᠢᠨ ᠦᠢ᠍ᠯᠡᠴᠢᠯᠡᠭᠡᠨ᠎ᠤ ᠠᠵᠦ ᠠᠬᠤᠢ᠌ᠯᠠᠯ (ᠨᠢᠭᠡᠴᠡ)᠎ᠢ ᠡᠭᠦᠳᠤᠨ ᠪᠠᠢ᠌ᠭᠤᠯᠬᠤ ᠠᠵᠢᠯᠯᠠᠭ᠎ᠠ ᠵᠢ ᠦᠷᠭᠦᠯᠵᠢᠯᠡᠨ ᠵᠤᠬᠢᠶᠠᠨ ᠪᠠᠢ᠌ᠭᠤᠯᠵᠦ᠂ ᠬᠡᠷ ᠪᠦᠯᠢ ᠵᠢᠨ ᠦᠢ᠍ᠯᠡᠴᠢᠯᠡᠭᠡᠨ᠎ᠤ ᠠᠵᠦ ᠠᠬᠤᠢ᠌ᠯᠠᠯ᠎ᠢ ᠵᠢᠯᠤᠭᠤᠳᠤᠨ ᠤᠯᠠᠮᠵᠢᠯᠠᠯᠳᠤ ᠲᠦᠯᠦᠪ ᠪᠠᠢ᠌ᠳᠠᠯ᠎ᠠᠴᠠ᠎ᠨᠢ ᠤᠳᠤ ᠦᠶ᠎ᠡ ᠵᠢᠨ ᠦᠢ᠍ᠯᠡᠴᠢᠯᠡᠭᠡᠨ᠎ᠤ ᠲᠦᠯᠦᠪ ᠪᠠᠢ᠌ᠳᠠᠯ ᠦᠬᠡᠳᠡ ᠤᠯᠠᠷᠢᠭᠤᠯᠵᠦ᠂ ᠵᠢᠵᠢᠭ᠂ ᠲᠠᠷᠬᠠᠢ ᠬᠡᠯᠪᠡᠷᠢ ᠵᠢᠨ ᠵᠠᠭᠤᠴᠢ ᠮᠠᠶᠢᠭ᠎ᠤᠨ ᠦᠢ᠍ᠯᠡᠴᠢᠯᠡᠭᠡᠨᠠᠴᠠᠨᠢ ᠳᠡᠮᠳᠡᠭᠵᠢᠬᠦᠯᠬᠦ᠂ ᠬᠡᠪᠴᠢᠶᠡᠵᠢᠬᠦᠯᠬᠦ ᠦᠬᠡᠳᠡ ᠬᠦᠭᠵᠢᠬᠦᠯᠵᠦ᠂ ᠬᠡᠷ ᠪᠦᠯᠢ ᠵᠢᠨ ᠦᠢ᠍ᠯᠡᠴᠢᠯᠡᠭᠡᠨ᠎ᠤ ᠠᠵᠢᠯ ᠤᠯᠤᠭᠤᠬᠤ ᠢᠳᠡᠪᠬᠢ ᠦᠢ᠍ᠯᠡᠳᠤᠯ᠎ᠢ᠎ᠨᠢ ᠨᠡᠩ ᠰᠠᠢ᠌ᠨ ᠪᠠᠳᠠᠷᠠᠭᠤᠯᠤᠨ᠎ᠠ᠃ ᠡᠨᠡ ᠵᠢᠯ ᠨᠢᠳᠤᠨᠤᠨ᠎ᠤ ᠰᠠᠭᠤᠷᠢ ᠳᠡᠭᠡᠷ᠎ᠡ᠂ ᠳᠠᠬᠢᠨ 5 《ᠠᠷᠪᠠᠨ ᠬᠦᠴᠤᠷᠭᠡᠭ》 61 《ᠵᠠᠭᠤᠨ ᠡᠷᠤᠬᠡ》 ᠬᠡᠷ ᠪᠦᠯᠢ ᠵᠢᠨ ᠦᠢ᠍ᠯᠡᠴᠢᠯᠡᠭᠡᠨ᠎ᠤ ᠠᠵᠦ ᠠᠬᠤᠢ᠌ᠯᠠᠯ᠎ᠢ ᠠᠳᠠᠯᠢᠳᠬᠠᠨ ᠰᠢᠯᠭ᠋ᠠᠷᠠᠭᠤᠯᠬᠤ᠎ᠪᠠᠷ ᠪᠠᠢ᠌ᠨ᠎ᠠ᠃ ᠳᠠᠪᠤ᠎ᠳᠤ ᠲᠠᠷᠢᠶᠠᠯᠠᠬᠤ ᠮᠠᠯᠵᠢᠬᠤ ᠤᠷᠤᠨ᠎ᠤ ᠦᠯᠡᠬᠦᠤ ᠬᠦᠳᠡᠯᠮᠤᠷᠢ ᠵᠢᠨ ᠬᠦᠴᠤᠨ᠎ᠢ ᠢᠳᠡᠪᠬᠢᠲᠠᠯ ᠵᠢᠯᠤᠭᠤᠳᠤᠨ ᠬᠤᠳᠠ ᠪᠠᠯᠭ᠋ᠠᠰᠤ ᠪᠤᠯᠤᠨ ᠲᠠᠷᠢᠶᠠᠯᠠᠩ᠎ᠤᠨ ᠪᠤᠰᠤ ᠠᠵᠦ ᠦᠢ᠍ᠯᠡᠰ ᠦᠬᠡᠳᠡ ᠰᠢᠯᠵᠢᠬᠦᠯᠦᠨ ᠠᠵᠢᠯ ᠤᠯᠭᠤᠵᠦ᠂ ᠤᠯᠠᠨ ᠠᠷᠭ᠎ᠠ ᠵᠠᠮ᠎ᠢ ᠬᠤᠤᠰᠯᠠᠭᠤᠯᠤᠨ ᠬᠡᠷᠡᠭᠯᠡᠵᠦ ᠲᠠᠷᠢᠶᠠᠴᠢᠨ ᠮᠠᠯᠴᠢᠨ ᠬᠦᠯᠤᠰᠤᠨ ᠠᠵᠢᠯᠴᠢᠨ᠎ᠳᠤ ᠠᠵᠢᠯ ᠤᠯᠭᠤᠨ ᠠᠳᠠᠯ ᠦᠢ᠍ᠯᠡᠰ ᠪᠤᠰᠬᠠᠯᠭ᠋ᠠᠨᠠ᠃ 《ᠲᠠᠷᠢᠶᠠᠴᠢᠨ ᠬᠦᠯᠤᠰᠤᠨ ᠠᠵᠢᠯᠴᠢᠨ᠎ᠳᠤ ᠦᠢ᠍ᠯᠡᠴᠢᠯᠡᠬᠦ ᠠᠵᠢᠯ᠎ᠢ ᠤᠯᠠᠮ ᠰᠠᠢ᠌ᠨ ᠬᠢᠬᠦ ᠲᠤᠬᠠᠢ ᠲᠦᠷᠦ ᠵᠢᠨ ᠶᠠᠪᠤᠳᠠᠯ᠎ᠤᠨ ᠬᠤᠷᠢᠶᠠᠨ ᠤ ᠰᠠᠨᠠᠯ》᠎ᠢ ᠪᠦᠬᠦ ᠲᠠᠯ᠎ᠠ᠎ᠪᠠᠷ ᠲᠤᠤᠱᠯᠠᠭᠤᠯᠤᠨ ᠨᠠᠢ᠌ᠳᠠᠪᠤᠷᠢᠵᠢᠭᠤᠯᠵᠦ᠂ ᠳᠡᠭᠡᠷ᠎ᠡ ᠬᠠᠭ᠋ᠠᠰ ᠵᠢᠯ᠎ᠳᠤ ᠰᠤᠳᠤᠯᠤᠨ ᠨᠤᠳᠠᠯᠠᠭᠰᠠᠨ ᠰᠠᠭᠤᠷᠢᠨ ᠳᠡᠭᠡᠷ᠎ᠡ ᠦᠪᠡᠷᠳᠡᠭᠡᠨ ᠵᠠᠰᠠᠬᠤ ᠤᠷᠤᠨ᠎ᠤ ᠬᠡᠷᠡᠭᠵᠢᠬᠦᠯᠬᠦ ᠰᠠᠨᠠᠯ᠎ᠢ ᠨᠡᠢ᠌ᠳᠠᠯᠠᠨᠠ᠂ ᠡᠯ᠎ᠡ ᠭᠠᠵᠠᠷ ᠲᠤᠤᠱᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠬᠢᠨᠠᠮᠠᠭ᠋ᠠᠢ ᠰᠠᠢ᠌ᠨ ᠬᠢᠵᠦ᠂ ᠬᠤᠳᠠ ᠪᠠᠯᠭ᠋ᠠᠰᠤᠵᠢᠯᠳᠠ ᠵᠢᠨ ᠬᠦᠭᠵᠢᠯᠳᠡ ᠵᠢᠨ ᠪᠠᠢ᠌ᠯᠳᠤᠬᠤ ᠪᠤᠳᠤᠯᠭ᠎ᠠ᠎ᠪᠠᠷ ᠲᠦᠰᠢᠭ ᠪᠤᠯᠭ᠋ᠠᠵᠦ᠂ ᠲᠠᠷᠢᠶᠠᠯᠠᠩ ᠲᠤᠰᠠᠯᠠᠬᠤ ᠦᠢ᠍ᠯᠡᠳᠪᠤᠷᠢᠯᠡᠯ᠎ᠤᠨ ᠪᠦᠳᠤᠭᠡᠭᠳᠡᠭᠦᠨᠤ ᠰᠤᠯᠢᠯᠴᠠᠭ᠎ᠠ᠂ ᠬᠤᠳᠠᠯᠳᠤᠭ᠎ᠠ ᠠᠷᠠᠯᠵᠢᠶᠠᠨ᠎ᠤ ᠭᠦᠢ᠍ᠯᠭᠡᠭᠡᠨ᠎ᠤ ᠦᠢ᠍ᠯᠡᠴᠢᠯᠡᠭᠡ᠂ ᠵᠢᠭᠤᠯᠴᠢᠯᠠᠯ᠎ᠤᠨ ᠦᠢ᠍ᠯᠡᠴᠢᠯᠡᠭᠡᠨ᠎ᠤ ᠲᠠᠪᠴᠠᠩ᠎ᠢ ᠪᠠᠢ᠌ᠭᠤᠯᠵᠦ᠂ ᠤᠨᠴᠠᠯᠢᠭᠳᠤ ᠲᠡᠵᠢᠭᠡᠪᠤᠷᠢ ᠵᠢᠨ ᠦᠢ᠍ᠯᠡᠰ᠂ ᠠᠮᠤ ᠪᠤᠳᠠᠭ᠋ᠠᠨ᠎ᠤ ᠡᠳ᠋ᠰᠢᠬᠦᠯᠬᠦ ᠦᠢ᠍ᠯᠡᠰ ᠵᠡᠷᠬᠡ ᠤᠨᠴᠠᠯᠢᠭᠳᠤ ᠲᠠᠷᠢᠶᠠᠯᠠᠩ ᠮᠠᠯ ᠠᠵᠦ ᠠᠬᠤᠢ ᠵᠢᠨ ᠠᠵᠦ ᠦᠢ᠍ᠯᠡᠰ᠂ ᠲᠤᠰᠬᠠᠢ᠌ᠵᠢᠭᠰᠠᠨ ᠬᠤᠷᠰᠢᠵᠢᠯᠢ ᠬᠦᠭᠵᠢᠬᠦᠯᠬᠦ ᠪᠠ ᠰᠢᠨ᠎ᠡ ᠬᠡᠯᠪᠡᠷᠢ ᠵᠢᠨ ᠠᠵᠢᠯ ᠲᠦᠷᠦᠯ᠎ᠤᠨ ᠲᠠᠷᠢᠶᠠᠴᠢᠳ᠎ᠢ ᠵᠤᠷᠢᠭᠵᠢᠭᠤᠯᠤᠨ ᠳᠡᠮᠵᠢᠵᠦ᠂ ᠲᠤᠬᠠᠢ ᠵᠢᠨ ᠭᠠᠵᠠᠷ ᠤᠢ᠌ᠷ᠎ᠠ ᠤᠷᠴᠢᠮ᠎ᠳᠤᠨᠢ ᠰᠢᠯᠵᠢᠬᠦᠯᠦᠨ ᠠᠵᠢᠯ ᠤᠯᠭᠤᠬᠤ ᠪᠠ ᠠᠳᠠᠯ ᠦᠢ᠍ᠯᠡᠰ ᠪᠤᠰᠬᠠᠬᠤ ᠵᠢ ᠤᠯᠠᠨ ᠠᠷᠭ᠎ᠠ ᠵᠠᠮ ᠵᠶ᠋ᠡᠷ ᠠᠬᠢᠭᠤᠯᠬᠤ ᠬᠡᠷᠡᠭᠲᠠᠢ᠃
[ ᠬᠦᠳᠤᠯᠦᠭᠴᠢ] ᠪᠢᠳᠡᠨ᠎ᠤ ᠮᠡᠳᠡᠭᠡᠵᠢ᠎ᠪᠠᠷ᠂ ᠠᠵᠢᠯ ᠲᠦᠷᠦᠯ᠎ᠤᠨ ᠪᠤᠯᠪᠠᠰᠤᠷᠠᠭᠤᠯᠤᠯ᠎ᠢ ᠴᠢᠩᠭ᠋ᠠᠳᠬᠠᠬᠤ ᠪᠤᠯ ᠠᠵᠢᠯ ᠤᠯᠭᠤᠯᠳᠠ ᠵᠢᠨ ᠪᠦᠳᠤᠴᠡ ᠵᠢᠨ ᠴᠢᠨᠠᠷᠲᠠᠢ ᠵᠦᠷᠢᠴᠡᠯ᠎ᠢ ᠰᠢᠢ᠍ᠳᠪᠤᠷᠢᠯᠡᠬᠦ ᠦᠨᠳᠤᠰᠤᠨ ᠠᠷᠭ᠎ᠠ ᠬᠡᠮᠵᠢᠶ᠎ᠡ ᠮᠦᠨ᠂ ᠡᠨᠡ ᠵᠢᠯ ᠮᠡᠷᠭᠡᠵᠢᠯ ᠴᠢᠳᠠᠪᠤᠷᠢ ᠵᠢᠨ ᠪᠤᠯᠪᠠᠰᠤᠷᠠᠭᠤᠯᠤᠯ᠎ᠢ ᠴᠢᠩᠭ᠋ᠠᠳᠬᠠᠬᠤ ᠲᠠᠯ᠎ᠠ᠎ᠪᠠᠷ ᠦᠪᠡᠷᠳᠡᠭᠡᠨ ᠵᠠᠰᠠᠬᠤ ᠤᠷᠤᠨ ᠠᠯᠢ ᠠᠯᠢ ᠲᠠᠯ᠎ᠠ ᠵᠢᠨ ᠠᠵᠢᠯ᠎ᠢ ᠭᠤᠤᠯᠳᠠᠯᠭ᠎ᠠ᠎ᠲᠠᠢ ᠰᠠᠢ᠌ᠨ ᠬᠢᠬᠦ ᠪᠤᠢ?
[ ᠸᠠᠩ ᠶᠢᠤ ᠬᠤᠩ] ᠠᠵᠢᠯ ᠮᠡᠷᠭᠡᠵᠢᠯ᠎ᠤᠨ ᠮᠡᠷᠭᠡᠵᠢᠯ ᠴᠢᠳᠠᠪᠤᠷᠢ ᠵᠢᠨ ᠪᠤᠯᠪᠠᠰᠤᠷᠠᠭᠤᠯᠤᠯ᠎ᠤᠨ ᠲᠠᠯ᠎ᠠ᠎ᠪᠠᠷ ᠭᠤᠷᠪᠠᠨ ᠶᠠᠪᠤᠳᠠᠯ᠎ᠢ ᠲᠤᠪᠤᠢ᠌ᠯᠭ᠋ᠠᠨ ᠠᠳᠬᠤᠨ᠎ᠠ᠃ ᠨᠢᠬᠡ᠎ᠳᠤ ᠠᠵᠢᠯ ᠤᠯᠭᠤᠬᠤ ᠮᠡᠷᠭᠡᠵᠢᠯ ᠴᠢᠳᠠᠪᠤᠷᠢ᠂ ᠠᠵᠢᠯ᠎ᠤᠨ ᠪᠠᠢ᠌ᠷᠢ ᠵᠢᠨ ᠮᠡᠷᠭᠡᠵᠢᠯ ᠴᠢᠳᠠᠪᠤᠷᠢ ᠪᠤᠯᠤᠨ ᠠᠳᠠᠯ ᠦᠢ᠍ᠯᠡᠰ ᠪᠤᠰᠬᠠᠬᠤ ᠪᠤᠯᠪᠠᠰᠤᠷᠠᠭᠤᠯᠤᠯ᠎ᠢ ᠨᠢᠭᠡᠳᠤᠯᠲᠠᠢ ᠲᠦᠯᠦᠪᠯᠡᠨ ᠠᠬᠢᠭᠤᠯᠵᠦ᠂ ᠬᠦᠳᠡᠯᠮᠤᠷᠢᠯᠡᠭᠴᠢᠳ᠎ᠲᠤ ᠴᠢᠭᠯᠡᠬᠦᠯᠬᠦ ᠴᠢᠨᠠᠷᠲᠠᠢ ᠠᠵᠢᠯ ᠮᠡᠷᠭᠡᠵᠢᠯ᠎ᠤᠨ ᠮᠡᠷᠭᠡᠵᠢᠯ ᠴᠢᠳᠠᠪᠤᠷᠢ ᠵᠢᠨ ᠪᠤᠯᠪᠠᠰᠤᠷᠠᠭᠤᠯᠤᠯ ᠵᠢ ᠬᠦᠷᠳᠡᠬᠡᠨ᠎ᠡ᠃ ᠪᠤᠯᠪᠠᠰᠤᠷᠠᠭᠤᠯᠤᠯ᠎ᠤᠨ ᠨᠦᠬᠦᠪᠤᠷᠢ ᠵᠢᠨ ᠪᠠᠷᠢᠮᠵᠢᠶ᠎ᠠ ᠵᠢ ᠲᠤᠬᠢᠷᠠᠭᠤᠯᠬᠤ ᠲᠤᠭᠳᠠᠴᠠ ᠵᠢ ᠪᠠᠢ᠌ᠭᠤᠯᠬᠤ ᠵᠢ ᠠᠬᠢᠭᠤᠯᠵᠦ᠂ ᠪᠤᠯᠪᠠᠰᠤᠷᠠᠭᠤᠯᠤᠯ᠎ᠤᠨ ᠨᠦᠬᠦᠪᠤᠷᠢ ᠵᠢᠨ ᠲᠦᠷᠦ ᠵᠢᠨ ᠪᠤᠳᠤᠯᠭ᠎ᠠ᠂ ᠪᠤᠯᠪᠠᠰᠤᠷᠠᠭᠤᠯᠤᠯ᠎ᠤᠨ ᠨᠦᠬᠦᠪᠤᠷᠢ ᠵᠢᠨ ᠪᠠᠷᠢᠮᠵᠢᠶ᠎ᠠ ᠵᠢ ᠪᠦᠷᠢᠨᠰᠢᠬᠦᠯᠦᠨ ᠳᠡᠬᠦᠯᠳᠡᠷᠵᠢᠬᠦᠯᠵᠦ᠂ ᠤᠨᠴᠠᠯᠢᠭᠳᠤ ᠪᠤᠯᠪᠠᠰᠤᠷᠠᠭᠤᠯᠤᠯ᠎ᠤᠨ ᠳᠡᠮᠳᠡᠭᠳᠤ ᠪᠤᠯᠤᠨ ᠨᠠᠷᠢᠯᠢᠭ ᠵᠦᠢ᠍ᠯᠡᠰ᠎ᠤᠨ ᠲᠤᠰᠬᠠᠢ ᠪᠤᠯᠪᠠᠰᠤᠷᠠᠭᠤᠯᠤᠯ᠎ᠢ ᠳᠡᠳᠬᠦᠬᠦ ᠡᠷᠴᠢᠮ᠎ᠢ ᠴᠢᠩᠭ᠋ᠠᠯᠠᠵᠦ᠂ ᠪᠤᠯᠪᠠᠰᠤᠷᠠᠭᠤᠯᠬᠤ ᠪᠠᠢ᠌ᠭᠤᠯᠤᠮᠵᠢ ᠪᠤᠯᠤᠨ ᠪᠤᠯᠪᠠᠰᠤᠷᠠᠭᠤᠯᠤᠯ᠎ᠳᠤ ᠤᠷᠤᠯᠴᠠᠬᠤ ᠬᠦᠮᠤᠰ᠎ᠤᠨ ᠢᠳᠡᠪᠬᠢᠵᠢᠯ᠎ᠢ ᠲᠠᠢ᠌ᠴᠢᠯᠠᠨ᠎ᠠ᠃ ᠡᠨᠡ ᠵᠢᠯ ᠬᠤᠳᠠ ᠪᠠᠯᠭ᠋ᠠᠰᠤ ᠵᠢᠨ ᠮᠡᠷᠭᠡᠵᠢᠯ ᠴᠢᠳᠠᠪᠤᠷᠢ ᠵᠢᠨ ᠪᠤᠯᠪᠠᠰᠤᠷᠠᠭᠤᠯᠤᠯ᠎ᠳᠤ 13 ᠲᠦᠮᠡᠨ ᠬᠦᠮᠤᠨ᠂ ᠠᠳᠠᠯ ᠦᠢ᠍ᠯᠡᠰ ᠪᠤᠰᠬᠠᠬᠤ ᠪᠤᠯᠪᠠᠰᠤᠷᠠᠭᠤᠯᠤᠯ᠎ᠳᠤ 5 ᠲᠦᠮᠡᠨ ᠬᠦᠮᠤᠨ ᠪᠤᠯᠪᠠᠰᠤᠷᠠᠭᠤᠯᠵᠦ᠂ 《ᠬᠠᠪᠤᠷ᠎ᠤᠨ ᠲᠦᠯᠬᠢᠭᠡᠨ ᠠᠵᠢᠯᠯᠠᠭ᠎ᠠ》 ᠵᠢ ᠦᠷᠬᠦᠯᠵᠢᠯᠡᠨ ᠵᠤᠬᠢᠶᠠᠨ ᠪᠠᠢ᠌ᠭᠤᠯᠤᠨ ᠦᠷᠨᠢᠬᠦᠯᠵᠦ᠂ ᠲᠠᠷᠢᠶᠠᠯᠠᠬᠤ ᠮᠠᠯᠵᠢᠬᠤ ᠤᠷᠤᠨ᠎ᠤ ᠠᠵᠢᠯ ᠮᠡᠷᠭᠡᠵᠢᠯ᠎ᠤᠨ ᠮᠡᠷᠭᠡᠵᠢᠯ ᠴᠢᠳᠠᠪᠤᠷᠢ ᠵᠢᠨ ᠪᠤᠯᠪᠠᠰᠤᠷᠠᠭᠤᠯᠤᠯ᠎ᠳᠤ13 ᠲᠦᠮᠡ ᠭᠠᠷᠤᠢ ᠬᠦᠮᠤᠰ᠎ᠢ ᠤᠷᠤᠯᠴᠠᠭᠤᠯᠤᠨ᠎ᠠ ᠃ ᠬᠤᠶᠠᠷ᠎ᠲᠤ ᠪᠤᠯᠪᠠᠰᠤᠷᠠᠭᠤᠯᠤᠯ᠎ᠤᠨ ᠲᠠᠮᠳᠡᠭᠳᠤ ᠵᠢ ᠪᠤᠢ ᠪᠤᠯᠭ᠋ᠠᠵᠦ᠂ ᠪᠤᠯᠪᠠᠰᠤᠷᠠᠭᠤᠯᠤᠯ᠎ᠤᠨ ᠲᠡᠰ ᠵᠡᠷᠭᠡ ᠪᠤᠯᠤᠨ ᠶᠠᠰᠤ ᠴᠢᠨᠠᠷ᠎ᠢ ᠳᠡᠭᠡᠭᠰᠢᠯᠡᠬᠦᠯᠵᠦ᠂ ᠠᠵᠢᠯ ᠤᠯᠭᠤᠯᠳᠠ ᠵᠢᠨ ᠲᠤᠭᠳᠠᠭᠤᠨ ᠴᠢᠨᠠᠷ᠎ᠢ ᠨᠡᠮᠡᠭᠳᠡᠬᠦᠯᠦᠨ᠎ᠡ᠃ ᠵᠠᠬᠢᠶᠠᠯᠠᠭ᠎ᠠ᠂ ᠬᠠᠨᠳᠤᠯᠭ᠎ᠠ᠂ ᠲᠤᠭᠳᠠᠭᠰᠠᠨ ᠪᠠᠢ᠌ᠷᠢ ᠵᠢᠨ ᠬᠡᠯᠪᠡᠷᠢ ᠵᠢᠨ ᠪᠤᠯᠪᠠᠰᠤᠷᠠᠭᠤᠯᠤᠯ ᠪᠠ ᠤᠨᠴᠠᠯᠢᠭᠳᠤ ᠳᠡᠮᠳᠡᠭᠳᠤ᠂ ᠨᠠᠷᠢᠯᠢᠭ ᠵᠦᠢ᠍ᠯᠡᠰ᠎ᠤᠨ ᠲᠤᠰᠬᠠᠢ ᠮᠡᠷᠭᠡᠵᠢᠯ᠎ᠤᠨ ᠪᠤᠯᠪᠠᠰᠤᠷᠠᠭᠤᠯᠤᠯ᠎ᠢ ᠶᠡᠬᠡᠪᠡᠷ ᠦᠷᠨᠢᠬᠦᠯᠵᠦ᠂ ᠪᠦᠬᠦ ᠵᠢᠯ᠎ᠳᠤ ᠵᠠᠬᠢᠶᠠᠯᠠᠭ᠎ᠠ᠂ ᠬᠠᠨᠳᠤᠯᠭ᠎ᠠ ᠬᠡᠯᠪᠡᠷᠢ ᠵᠢᠨ ᠪᠤᠯᠪᠠᠰᠤᠷᠠᠭᠤᠯᠤᠯ᠎ᠢ ᠪᠤᠯᠪᠠᠰᠤᠷᠠᠭᠤᠯᠤᠯ᠎ᠤᠨ ᠶᠡᠷᠦᠩᠬᠡᠢ ᠲᠤᠭ᠋ᠠᠨ᠎ᠤ 70%᠎ᠠᠴᠠ ᠳᠡᠭᠡᠭᠰᠢ᠎ᠳᠤ ᠬᠦᠷᠦᠬᠦᠯᠦᠨ᠎ᠡ᠃ ᠦᠪᠡᠷᠳᠡᠭᠡᠨ ᠵᠠᠰᠠᠬᠤ ᠤᠷᠤᠨ᠎ᠤ ᠠᠵᠢᠯ ᠤᠯᠭᠤᠬᠤ ᠮᠡᠷᠭᠡᠵᠢᠯ ᠴᠢᠳᠠᠪᠤᠷᠢ ᠵᠢᠨ ᠪᠤᠯᠪᠠᠰᠤᠷᠠᠭᠤᠯᠤᠯ᠎ᠤᠨ ᠳᠡᠮᠳᠡᠭᠳᠤ ᠵᠢ 30 ᠵᠢ ᠪᠤᠢ᠌ᠵᠢᠭᠤᠯᠵᠦ᠂ ᠦᠪᠡᠷᠳᠡᠭᠡᠨ ᠵᠠᠰᠠᠬᠤ ᠤᠷᠤᠨ᠎ᠤ ᠨᠡᠷᠡᠳᠤ ᠪᠤᠯᠪᠠᠰᠤᠷᠠᠭᠤᠯᠤᠯ᠎ᠤᠨ ᠳᠡᠮᠳᠡᠭᠳᠤ ᠵᠢ10 ᠵᠢ ᠰᠤᠩᠭᠤᠨ ᠲᠤᠭᠳᠠᠭ᠋ᠠᠨ᠎ᠠ᠃ ᠭᠤᠷᠪᠠ᠎ᠳᠤ ᠠᠵᠢᠯ ᠮᠡᠷᠭᠡᠵᠢᠯ᠎ᠤᠨ ᠮᠡᠷᠭᠡᠵᠢᠯ ᠴᠢᠳᠠᠪᠤᠷᠢ ᠵᠢᠨ ᠪᠤᠯᠪᠠᠰᠤᠷᠠᠭᠤᠯᠤᠯ᠎ᠤᠨ ᠳᠠᠳᠤᠯᠭ᠎ᠠ ᠪᠤᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠳᠤᠭᠡᠨ ᠪᠠᠢ᠌ᠭᠤᠯᠤᠯᠳᠠ ᠵᠢ ᠤᠯᠠᠮ ᠨᠢᠬᠡ ᠠᠯᠬᠤᠮ ᠠᠬᠢᠭᠤᠯᠵᠦ᠂ ᠳᠠᠳᠤᠯᠭ᠎ᠠ ᠪᠤᠯᠪᠠᠰᠤᠷᠠᠯ᠎ᠤᠨ ᠴᠢᠳᠠᠪᠤᠷᠢ ᠵᠢ ᠲᠠᠰᠤᠷᠠᠯᠳᠠ ᠦᠬᠡᠢ ᠳᠡᠭᠡᠭᠰᠢᠯᠡᠬᠦᠯᠦᠨ᠎ᠡ᠃ ᠡᠨᠡ ᠵᠢᠯ ᠪᠦᠬᠦ ᠤᠷᠤᠨ᠎ᠳᠤ ᠠᠢ᠌ᠮᠠᠭ ᠬᠤᠳᠠ ᠵᠢᠨ ᠲᠡᠰ᠎ᠤᠨ ᠳᠠᠳᠤᠯᠭ᠎ᠠ ᠪᠤᠯᠪᠠᠰᠤᠷᠠᠯ᠎ᠤᠨ 5 ᠰᠠᠭᠤᠷᠢᠨ ᠭᠠᠵᠠᠷ᠂ ᠦᠪᠷᠳᠡᠭᠡᠨ ᠵᠠᠰᠠᠬᠤ ᠤᠷᠤᠨ᠎ᠤ ᠲᠡᠰ᠎ᠤᠨ ᠵᠢᠱ᠌ᠢᠶ᠎ᠡ ᠦᠵᠡᠬᠦᠯᠬᠦ ᠳᠠᠳᠤᠯᠭ᠎ᠠ ᠪᠤᠯᠪᠠᠰᠤᠷᠠᠯ᠎ᠤᠨ 1 ᠰᠠᠭᠤᠷᠢᠨ ᠭᠠᠵᠠᠷ᠎ᠢ ᠬᠢᠨᠠᠨ ᠲᠤᠭᠳᠠᠭ᠋ᠠᠵᠦ᠂ ᠳᠠᠳᠤᠯᠭ᠎ᠠ ᠪᠤᠯᠪᠠᠰᠤᠷᠠᠯ᠎ᠤᠨ ᠦᠷ᠎ᠡ ᠪᠦᠳᠤᠮᠵᠢ ᠵᠢ ᠨᠡᠩ ᠴᠢᠬᠤᠯᠠᠴᠢᠯᠠᠵᠦ᠂ ᠬᠢᠨᠠᠨ ᠲᠤᠭᠳᠠᠭ᠋ᠠᠬᠤ ᠪᠠᠷᠢᠮᠵᠢᠶ᠎ᠠ ᠵᠢ ᠴᠢᠩᠭ᠋ᠠᠯᠠᠵᠦ᠂ ᠲᠤᠭ᠎ᠠ ᠵᠢ ᠴᠢᠩᠭ᠎ᠠ ᠬᠢᠵᠠᠭ᠋ᠠᠷᠯᠠᠨ᠎ᠠ᠃ ᠦᠪᠡᠷᠳᠡᠭᠡᠨ ᠵᠠᠰᠠᠬᠤ ᠤᠷᠤᠨ᠎ᠠᠴᠠ 《ᠱᠠᠩᠨᠠᠯ ᠵᠶ᠋ᠡᠷ ᠨᠦᠬᠦᠪᠤᠷᠢ ᠵᠢ ᠤᠷᠤᠯᠠᠭᠤᠯᠬᠤ》 ᠲᠦᠷᠦᠯ ᠵᠦᠢ᠍ᠯ ᠵᠶ᠋ᠡᠷ ᠳᠠᠮᠵᠢᠭᠤᠯᠤᠨ ᠲᠤᠪᠤᠢ᠌ᠮ᠎ᠠ ᠠᠮᠵᠢᠯᠳᠠ ᠪᠦᠳᠤᠭᠡᠯ᠎ᠲᠠᠢ ᠳᠠᠳᠤᠯᠭ᠎ᠠ ᠪᠤᠯᠪᠠᠰᠤᠷᠠᠯ᠎ᠤᠨ ᠰᠠᠭᠤᠷᠢᠨ ᠭᠠᠵᠠᠷ ᠢ ᠦᠷᠭᠦᠯᠵᠢᠯᠡᠨ ᠱᠠᠩᠨᠠᠨ ᠬᠦᠬᠢᠭᠦᠯᠦᠨ᠎ᠡ᠃
[ ᠬᠦᠳᠤᠯᠦᠭᠴᠢ] ᠯᠢ ᠺᠧ ᠴᠢᠶᠠᠩ ᠶᠠᠷᠦᠩᠬᠡᠢ ᠰᠠᠢ᠌ᠳ᠎ᠤᠨ ᠦᠬᠡ᠎ᠪᠠᠷ ᠬᠡᠯᠡᠪᠡᠯ᠂ ᠦᠢ ᠤᠯᠠᠨ ᠠᠳᠠᠯ ᠦᠢ᠍ᠯᠡᠰ ᠪᠤᠰᠬᠠᠬᠤ᠂ ᠲᠦᠭ ᠲᠦᠮᠡᠨ ᠰᠢᠨ᠎ᠡ ᠵᠢ ᠡᠭᠦᠳᠬᠦ ᠪᠤᠯ ᠳᠤᠮᠳᠠᠳᠤ ᠤᠯᠤᠰ᠎ᠤᠨ ᠠᠵᠦ ᠠᠬᠤᠢ ᠵᠢᠨ ᠨᠢᠭᠡᠨ ᠰᠢᠨ᠎ᠡ ᠬᠦᠳᠡᠯᠭᠡᠬᠦ ᠮᠠᠰᠢᠨ᠂ ᠰᠢᠨ᠎ᠡ ᠳᠠᠢ᠌ᠴᠢᠯᠠᠭᠤᠷ ᠮᠠᠰᠢᠨ ᠮᠦᠨ᠃ ᠦᠪᠡᠷᠳᠡᠭᠡᠨ ᠵᠠᠰᠠᠬᠤ ᠤᠷᠤᠨ ᠡᠨᠡ ᠵᠢᠯ ᠬᠢᠷᠬᠢᠨ ᠦᠢ ᠤᠯᠠᠨ ᠠᠳᠠᠯ ᠦᠢ᠍ᠯᠡᠰ ᠪᠤᠰᠬᠠᠬᠤ ᠵᠢ ᠠᠬᠢᠭᠤᠯᠵᠦ᠂ ᠠᠳᠠᠯ ᠦᠢ᠍ᠯᠡᠰ ᠪᠤᠰᠬᠠᠬᠤ᠎ᠪᠠᠷ ᠠᠵᠢᠯ ᠤᠯᠭᠤᠬᠤ ᠵᠢ ᠳᠠᠢ᠌ᠴᠢᠯᠠᠬᠤ ᠵᠢ ᠠᠬᠢᠭᠤᠯᠬᠤ ᠪᠤᠢ?
[ ᠸᠠᠩ ᠶᠢᠤ ᠬᠤᠩ] ᠦᠢ ᠤᠯᠠᠨ ᠠᠳᠠᠯ ᠦᠢ᠍ᠯᠡᠰ ᠪᠤᠰᠬᠠᠬᠤ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠲᠦᠷᠪᠡᠨ ᠵᠠᠩᠬᠢᠯᠠᠭ᠎ᠠ ᠵᠢᠨ ᠠᠯᠬᠤᠮ᠎ᠢ ᠲᠤᠪᠤᠢ᠌ᠮ᠎ᠠ ᠠᠳᠬᠤᠬᠤ ᠬᠡᠷᠡᠭᠲᠠᠢ᠃ ᠨᠢᠭᠡ᠎ᠳᠤ ᠲᠦᠷᠦ ᠵᠢᠨ ᠪᠤᠳᠤᠯᠭ᠎ᠠ᠎ᠪᠠᠷ ᠵᠢᠯᠤᠭᠤᠳᠤᠭᠤᠯᠬᠤ ᠪᠠ ᠦᠢ᠍ᠯᠡᠴᠢᠯᠡᠭᠡᠨ᠎ᠤ ᠲᠡᠰᠢ ᠳᠡᠭᠡᠭᠰᠢᠯᠡᠬᠦᠯᠬᠦ᠎ᠪᠠᠷ ᠳᠠᠮᠵᠢᠭᠤᠯᠤᠨ ᠪᠦᠬᠦ ᠠᠷᠠᠳ ᠵᠶ᠋ᠡᠷ ᠵᠶ᠋ᠡᠨ ᠠᠳᠠᠯ ᠦᠢ᠍ᠯᠡᠰ ᠪᠤᠰᠬᠠᠬᠤ ᠤᠷᠴᠢᠨ ᠠᠬᠤᠢ ᠵᠢ ᠪᠤᠢ ᠪᠤᠯᠭ᠋ᠠᠵᠦ᠂ ᠦᠢ ᠤᠠᠯᠠᠨ ᠠᠳᠠᠯ ᠦᠢ᠍ᠯᠡᠰ ᠪᠤᠰᠬᠠᠬᠤ᠂ ᠲᠦᠭ ᠲᠦᠮᠡᠨ ᠰᠢᠨ᠎ᠡ ᠵᠢ ᠡᠭᠦᠳᠬᠦ ᠵᠢ ᠪᠦᠬᠦ ᠲᠠᠯ᠎ᠠ᠎ᠪᠠᠷ ᠠᠬᠢᠭᠤᠯᠤᠨ᠎ᠠ ᠃ ᠭᠤᠤᠯᠳᠠᠯᠭ᠎ᠠ᠎ᠲᠠᠢ ᠪᠦᠯᠦᠭᠯᠡᠯ᠎ᠤᠨ ᠠᠳᠠᠯ ᠦᠢ᠍ᠯᠡᠰ ᠪᠤᠰᠬᠠᠨ ᠠᠵᠢᠯ ᠤᠯᠭᠤᠬᠤ ᠵᠢ ᠳᠡᠮᠵᠢᠨ ᠠᠬᠢᠭᠤᠯᠬᠤ ᠲᠤᠬᠠᠢ ᠤᠯᠤᠰ᠎ᠤᠨ ᠭᠠᠢ᠌ᠯᠢ ᠵᠢᠨ ᠶᠡᠷᠦᠩᠬᠡᠢ ᠲᠤᠪᠴᠢᠶ᠎ᠠ᠂ ᠡᠳ᠋᠎ᠤᠨ ᠵᠠᠰᠠᠭ᠎ᠤᠨ ᠶᠠᠮᠤᠨ᠂ ᠬᠦᠮᠤᠨ᠎ᠤ ᠬᠦᠴᠤᠨ᠎ᠤ ᠡᠬᠢ ᠪᠠᠶᠠᠯᠢᠭ ᠨᠡᠢ᠌ᠭᠡᠮ᠎ᠤᠨ ᠪᠠᠳᠤᠯᠠᠭ᠎ᠠ ᠵᠢᠨ ᠶᠠᠮᠤᠨ᠎ᠤ ᠬᠠᠮᠢᠶ᠎ᠠ ᠪᠦᠬᠦᠢ ᠭᠠᠢ᠌ᠯᠢ ᠳᠠᠳᠠᠪᠤᠷᠢ ᠵᠢᠨ ᠲᠦᠷᠦ ᠵᠢᠨ ᠪᠤᠳᠤᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠦ᠂ ᠡᠯ᠎ᠡ ᠲᠦᠷᠦᠯ᠎ᠤᠨ ᠪᠦᠯᠦᠭᠯᠡᠯ᠎ᠳᠤ ᠠᠵᠢᠯ ᠤᠯᠭᠤᠬᠤ ᠵᠢ ᠠᠬᠢᠭᠤᠯᠤᠨ᠎ᠠ᠃ ᠬᠤᠶᠡᠷ᠎ᠲᠤ ᠠᠳᠠᠯ ᠦᠢ᠍ᠯᠡᠰ ᠪᠤᠰᠬᠠᠬᠤ ᠦᠢ᠍ᠯᠡᠴᠢᠯᠡᠭᠡᠨ᠎ᠤ ᠠᠷᠭ᠎ᠠ ᠪᠠᠷᠢᠯ᠎ᠢ ᠢᠳᠡᠪᠬᠢᠲᠠᠢ ᠪᠠᠶᠠᠯᠢᠭᠵᠢᠭᠤᠯᠵᠦ᠂ ᠪᠠᠭ᠎ᠠ ᠲᠤᠭ᠋ᠠᠨ᠎ᠤ ᠪᠠᠳᠤᠯᠠᠭ᠎ᠠ ᠵᠢᠨ ᠵᠢᠬᠡᠯᠡᠯᠬᠡ ᠵᠢᠨ ᠬᠠᠮᠢᠶᠠᠷᠤᠯᠳᠠ ᠵᠢᠨ ᠠᠷᠭ᠎ᠠ ᠪᠤᠯᠤᠨ ᠳᠠᠮ ᠬᠦᠤ ᠮᠦᠩᠬᠦ ᠵᠢᠨ ᠲᠦᠷᠦ ᠵᠢᠨ ᠪᠤᠳᠤᠯᠭ᠎ᠠ ᠵᠢ ᠳᠡᠭᠦᠯᠳᠡᠷᠵᠢᠬᠦᠯᠵᠦ᠂ ᠠᠵᠢᠯᠯᠠᠬᠤ ᠵᠢᠷᠤᠮᠵᠢᠯ᠎ᠢ ᠲᠦᠷᠢᠮᠵᠢᠬᠦᠯᠦᠨ᠎ᠡ᠃ ᠠᠳᠠᠯ ᠦᠢ᠍ᠯᠡᠰ ᠪᠤᠰᠬᠠᠬᠤ ᠬᠦᠭᠵᠢᠯᠳᠡ ᠵᠢᠨ ᠪᠡᠯᠡ ᠮᠦᠩᠬᠦ᠂ ᠪᠠᠭ᠎ᠠ ᠲᠤᠭ᠋ᠠᠨ᠎ᠤ ᠵᠢᠭᠡᠯᠡᠯᠭᠡ ᠵᠢᠨ ᠪᠠᠳᠤᠯᠠᠭ᠎ᠠ ᠵᠢᠨ ᠰᠠᠭᠤᠷᠢ ᠮᠦᠩᠬᠦ᠂ ᠳᠠᠮ ᠬᠦᠤ ᠮᠦᠩᠬᠦ ᠵᠢᠨ ᠪᠡᠯᠡ ᠮᠦᠩᠬᠦᠨ᠎ᠤ ᠤᠷᠤᠭᠤᠯᠤᠯᠳᠠ ᠵᠢᠨ ᠡᠷᠴᠢᠮ ᠪᠤᠯᠤᠨ ᠠᠳᠠᠯ ᠦᠢ᠍ᠯᠡᠰ ᠪᠤᠰᠬᠠᠬᠤ ᠲᠦᠷᠢᠶᠡᠰᠤᠨ ᠮᠦᠩᠬᠦ ᠵᠢᠨ ᠨᠦᠬᠦᠪᠤᠷᠢ᠂ ᠬᠡᠷᠡᠭᠯᠡᠬᠦ ᠵᠠᠷᠤᠳᠠᠯ᠎ᠤᠨ ᠨᠦᠬᠦᠪᠤᠷᠢ ᠪᠠ ᠠᠮᠵᠢᠯᠳᠠ᠎ᠲᠠᠢ ᠠᠳᠠᠯ ᠦᠢ᠍ᠯᠡᠰ ᠪᠤᠰᠬᠠᠭᠰᠠᠨ ᠱᠠᠩᠨᠠᠯ ᠵᠡᠷᠭᠡ ᠳᠡᠳᠬᠦᠯᠳᠡ ᠵᠢᠨ ᠡᠷᠴᠢᠮ᠎ᠢ ᠤᠯᠠᠮ ᠴᠢᠩᠭ᠋ᠠᠯᠠᠨᠠ᠃ ᠲᠠᠷᠢᠶᠠᠴᠢᠨ ᠮᠠᠯᠴᠢᠳ᠎ᠤᠨ ᠠᠳᠠᠯ ᠦᠢ᠍ᠯᠡᠰ ᠪᠤᠰᠬᠠᠨ ᠠᠵᠢᠯ ᠤᠯᠬᠤ᠎ᠳᠤ ᠳᠡᠮᠵᠢᠯᠬᠡ ᠦᠵᠡᠬᠦᠯᠵᠦ᠂ ᠠᠳᠠᠯ ᠦᠢ᠍ᠯᠡᠰ ᠪᠤᠰᠬᠠᠭᠰᠠᠨ ᠲᠦᠷᠦᠯ ᠵᠦᠢ᠍ᠯ ᠵᠶ᠋ᠡᠷ᠎ᠨᠢ ᠵᠤᠬᠢᠬᠤ ᠬᠠᠷᠢᠴᠠᠯ᠎ᠤᠨ ᠳᠠᠮ ᠬᠦᠤ ᠮᠦᠩᠬᠦ ᠤᠯᠭᠤᠨ᠎ᠠ᠃ ᠭᠤᠷᠪᠠ᠎ᠳᠤ ᠠᠳᠠᠯ ᠦᠢ᠍ᠯᠡᠰ ᠪᠤᠰᠬᠠᠬᠤ ᠦᠢ᠍ᠯᠡᠴᠢᠯᠡᠭᠡᠨ᠎ᠤ ᠲᠠᠪᠴᠠᠩ᠎ᠢ ᠤᠯᠠᠮ ᠪᠦᠷᠢᠨᠰᠢᠬᠦᠯᠦᠨ ᠳᠡᠭᠦᠯᠳᠡᠷᠵᠢᠬᠦᠯᠦᠨ᠎ᠡ᠃ ᠦᠪᠡᠷᠳᠡᠭᠡᠨ ᠵᠠᠰᠠᠬᠤ ᠤᠷᠤᠨ᠎ᠤ ᠠᠳᠠᠯ ᠦᠢ᠍ᠯᠡᠰ ᠪᠤᠰᠬᠠᠬᠤ ᠦᠢ᠍ᠯᠡᠴᠢᠯᠡᠭᠡᠨ᠎ᠤ ᠰᠢᠰᠲᠸᠮ᠎ᠤᠨ ᠪᠠᠢ᠌ᠭᠤᠯᠤᠯᠳᠠ ᠵᠢᠨ ᠰᠠᠨᠠᠯ᠎ᠢ ᠲᠦᠷᠭᠡᠬᠡᠨ ᠨᠠᠢ᠌ᠳᠡᠯᠡᠵᠦ᠂ ᠠᠳᠠᠯ ᠦᠢ᠍ᠯᠡᠰ ᠪᠤᠰᠬᠠᠬᠤ ᠬᠦᠷᠢᠶᠡᠯᠡᠩ ᠪᠤᠯᠤᠨ ᠠᠳᠠᠯ ᠦᠢ᠍ᠯᠡᠰ ᠪᠤᠰᠬᠠᠬᠤ ᠨᠠᠪᠴᠢᠯᠳᠠ ᠵᠢᠨ ᠰᠠᠭᠤᠷᠢᠨ ᠭᠠᠵᠠᠷ᠂ ᠠᠳᠠᠯ ᠦᠢ᠍ᠯᠡᠰ ᠪᠤᠰᠬᠠᠬᠤ ᠪᠤᠯᠪᠠᠰᠤᠷᠠᠭᠤᠯᠤᠯ᠎ᠤᠨ ᠲᠤᠭᠳᠠᠭᠰᠠᠨ ᠴᠢᠭ᠋᠎ᠤᠨ ᠪᠠᠢ᠌ᠭᠤᠯᠤᠮᠵᠢ ᠪᠠ ᠳᠠᠳᠤᠯᠭ᠎ᠠ ᠪᠤᠯᠪᠠᠰᠤᠷᠠᠯ᠎ᠤᠨ ᠰᠠᠭᠤᠷᠢᠨ ᠭᠠᠵᠠᠷ᠂ ᠤᠠᠯᠨ ᠨᠡᠢ᠌ᠳᠡ ᠵᠢᠨ ᠠᠵᠢᠯ ᠤᠯᠭᠤᠬᠤ ᠦᠢ᠍ᠯᠡᠴᠢᠯᠡᠭᠡᠨ᠎ᠤ ᠲᠦᠪ ᠵᠡᠷᠭᠡ ᠵᠢᠨ ᠪᠦᠳᠤᠭᠡᠨ ᠪᠠᠢ᠌ᠭᠤᠯᠤᠯᠳᠠ ᠵᠢ ᠴᠢᠩᠭ᠋ᠠᠳᠬᠠᠨ᠎ᠠ᠃ ᠠᠳᠠᠯ ᠦᠢ᠍ᠯᠡᠰ ᠪᠤᠰᠬᠠᠬᠤ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠬᠦᠯᠬᠦ᠎ᠪᠠᠷ ᠭᠤᠤᠯᠳᠠᠯᠭ᠎ᠠ ᠪᠤᠯᠭ᠋ᠠᠵᠦ᠂ ᠠᠳᠠᠯ ᠦᠢ᠍ᠯᠡᠰ ᠪᠤᠰᠬᠠᠬᠤ ᠪᠤᠯᠪᠠᠰᠤᠷᠠᠭᠤᠯᠤᠯ᠎ᠤᠨ ᠪᠠᠭᠰᠢ ᠨᠠᠷ᠎ᠤᠨ ᠡᠩᠨᠡᠭᠡᠨ᠎ᠤ ᠪᠠᠢ᠌ᠭᠤᠯᠤᠯᠳᠠ ᠵᠢ ᠴᠢᠩᠭ᠋ᠠᠳᠬᠠᠨ᠎ᠠ᠃ ᠠᠳᠠᠯ ᠦᠢ᠍ᠯᠡᠰ ᠪᠤᠰᠬᠠᠬᠤ ᠨᠡᠪᠴᠢᠯᠳᠡ ᠵᠢᠨ ᠪᠤᠳᠠᠳᠤ ᠴᠤᠭᠴᠠ ᠵᠢ ᠳᠡᠳᠬᠦᠨ ᠵᠢᠯᠤᠭᠤᠳᠬᠤ ᠲᠦᠷᠦ ᠵᠢᠨ ᠪᠤᠳᠤᠯᠭ᠎ᠠ ᠪᠤᠯᠤᠨ ᠪᠤᠳᠠᠲᠠᠢ ᠠᠵᠢᠯᠯᠠᠬᠤ ᠠᠷᠭ᠎ᠠ ᠵᠢ ᠲᠤᠭᠳᠠᠭ᠋ᠠᠨ ᠳᠡᠭᠦᠯᠳᠡᠷᠵᠢᠬᠦᠯᠵᠦ᠂ ᠲᠦᠷᠦᠯ ᠵᠦᠢ᠍ᠯ᠎ᠢ ᠬᠦᠷᠢᠶᠡᠯᠡᠩ᠎ᠳᠤ ᠤᠷᠤᠭᠤᠯᠬᠤ᠂ ᠲᠦᠷᠦ ᠵᠢᠨ ᠪᠤᠳᠤᠯᠭ᠎ᠠ ᠵᠢ ᠡᠷᠦᠬᠡ᠎ᠳᠤ ᠤᠢ᠌ᠯᠠᠭ᠋ᠠᠭᠤᠯᠬᠤ ᠠᠳᠡᠯ ᠦᠢ᠍ᠯᠡᠰ ᠪᠤᠰᠬᠠᠬᠤ ᠳᠡᠳᠬᠦᠯᠳᠡ ᠵᠢᠨ ᠲᠤᠭᠳᠠᠴᠠ ᠵᠢ ᠪᠤᠢ ᠪᠤᠯᠭ᠋ᠠᠨ᠎ᠠ᠃ ᠡᠨᠡ ᠵᠢᠯ ᠦᠪᠡᠷᠳᠡᠭᠡᠨ ᠵᠠᠰᠠᠬᠤ ᠤᠷᠤᠨ᠎ᠤ ᠲᠡᠰ᠎ᠤᠨ ᠵᠢᠱ᠌ᠢᠶ᠎ᠡ ᠦᠵᠡᠬᠦᠯᠬᠦ ᠴᠢᠨᠠᠷᠲᠠᠢ ᠠᠳᠠᠯ ᠦᠢ᠍ᠯᠡᠰ ᠪᠤᠰᠬᠠᠬᠤ ᠬᠦᠷᠢᠶᠡᠯᠡᠩ᠎ᠤᠨ ᠨᠡᠪᠴᠢᠯᠳᠡ ᠵᠢᠨ ᠰᠠᠭᠤᠷᠢᠨ ᠭᠠᠵᠠᠷ 5 ᠵᠢ ᠦᠨᠡᠯᠡᠨ ᠲᠤᠭᠳᠠᠭ᠋ᠠᠵᠦ᠂ ᠤᠯᠤᠰ᠎ᠤᠨ ᠲᠡᠰ᠎ᠤᠨ ᠠᠳᠠᠯ ᠦᠢ᠍ᠯᠡᠰ ᠪᠤᠰᠬᠠᠬᠤ ᠨᠡᠪᠴᠢᠯᠳᠡ ᠵᠢᠨ ᠰᠠᠭᠤᠷᠢᠨ ᠭᠠᠵᠠᠷ᠎ᠤᠨ ᠡᠩᠨᠡᠭᠡᠨ᠎ᠳᠤ 1 ᠰᠠᠭᠤᠷᠢᠨ ᠭᠠᠵᠠᠷ ᠢ ᠤᠷᠤᠭᠤᠯᠬᠤ᠎ᠪᠠᠷ ᠴᠢᠷᠮᠠᠢ᠌ᠨ᠎ᠠ᠃ ᠠᠳᠠᠯ ᠦᠢ᠍ᠯᠡᠰ ᠪᠤᠰᠬᠠᠬᠤ ᠬᠦᠷᠢᠶᠡᠯᠡᠩ᠎ᠤᠨ ᠨᠡᠪᠴᠢᠯᠳᠡ ᠵᠢᠨ ᠰᠠᠭᠤᠷᠢᠨ ᠭᠠᠵᠠᠷ ᠤᠨ 《ᠱᠠᠩᠨᠠᠯ ᠵᠶ᠋ᠡᠷ ᠨᠦᠬᠦᠪᠤᠷᠢ ᠵᠢ ᠤᠷᠤᠯᠠᠭᠤᠯᠬᠤ》 ᠲᠦᠷᠦᠯ ᠵᠦᠢ᠍ᠯ᠎ᠢ ᠦᠷᠭᠦᠯᠵᠢᠯᠡᠨ ᠵᠤᠬᠢᠶᠠᠨ ᠪᠠᠢ᠌ᠭᠤᠯᠤᠨ ᠬᠡᠷᠡᠭᠵᠢᠬᠦᠯᠵᠦ᠂ ᠪᠠᠷᠢᠮᠵᠢᠶ᠎ᠠ ᠵᠢ ᠴᠢᠩᠭ᠋ᠠᠳᠬᠠᠨ᠂ ᠲᠤᠭ᠎ᠠ ᠵᠢ ᠬᠢᠵᠠᠭ᠋ᠠᠷᠯᠠᠵᠦ᠂ ᠪᠤᠳᠠᠳᠤ ᠠᠰᠢᠭ᠎ᠢ ᠲᠤᠪᠤᠢ᠌ᠯᠭ᠋ᠠᠨ᠎ᠠ᠃ ᠲᠦᠷᠪᠡ᠎ᠳᠤ ᠠᠳᠠᠯ ᠦᠢ᠍ᠯᠡᠰ ᠪᠤᠰᠬᠠᠬᠤ ᠬᠡᠯᠪᠡᠷᠢ ᠵᠢᠨ ᠭᠠᠵᠠᠷ ᠤᠷᠤᠨ᠎ᠢ ᠡᠭᠦᠰᠭᠡᠨ ᠪᠠᠢ᠌ᠭᠤᠯᠬᠤ ᠠᠵᠢᠯᠯᠠᠭ᠎ᠠ ᠵᠢ ᠯᠠᠪᠳᠠᠭᠤᠨ ᠵᠶ᠋ᠡᠷ ᠠᠬᠢᠭᠤᠯᠤᠨ᠎ᠠ᠃ ᠵᠤᠬᠢᠶᠠᠨ ᠪᠠᠢ᠌ᠭᠤᠯᠤᠯᠳᠠ ᠤᠳᠤᠷᠢᠳᠤᠯᠭ᠎ᠠ ᠵᠢᠨ ᠰᠢᠰᠲᠸᠮᠵᠢ᠂ ᠲᠦᠷᠦ ᠵᠢᠨ ᠪᠤᠳᠤᠯᠭ᠎ᠠ᠎ᠪᠠᠷ ᠳᠡᠳᠬᠦᠬᠦ ᠰᠢᠰᠲᠸᠮᠵᠢ᠂ ᠠᠳᠠᠯ ᠦᠢ᠍ᠯᠡᠰ ᠪᠤᠰᠬᠠᠬᠤ ᠪᠤᠯᠪᠠᠰᠤᠷᠠᠭᠤᠯᠤᠯ᠎ᠤᠨ ᠰᠢᠰᠲᠸᠮᠵᠢ᠂ ᠠᠳᠠᠯ ᠦᠢ᠍ᠯᠡᠰ ᠪᠤᠰᠬᠠᠬᠤ ᠦᠢ᠍ᠯᠡᠴᠢᠯᠡᠭᠡᠨ᠎ᠤ ᠰᠢᠰᠲᠸᠮᠵᠢ᠂ ᠠᠵᠢᠯ᠎ᠤᠨ ᠬᠢᠨᠠᠨ ᠰᠢᠯᠭ᠋ᠠᠬᠤ ᠰᠢᠰᠲᠸᠮᠵᠢ ᠵᠢ ᠤᠯᠠᠮ ᠪᠦᠷᠢᠨᠰᠢᠬᠦᠯᠦᠨ ᠳᠡᠬᠦᠯᠳᠡᠷᠵᠢᠬᠦᠯᠵᠦ᠂ ᠵᠠᠰᠠᠭ᠎ᠤᠨ ᠤᠷᠳᠤᠨ᠎ᠤ ᠡᠷᠬᠡ ᠴᠢᠳᠠᠪᠤᠷᠢ ᠵᠢ ᠴᠢᠩᠭ᠋ᠠᠳᠬᠠᠵᠦ᠂ ᠵᠠᠰᠠᠭ᠎ᠤᠨ ᠤᠷᠳᠤᠨ ᠭᠤᠤᠯᠯᠠᠵᠦ᠂ ᠰᠠᠯᠠᠭ᠎ᠠ ᠮᠦᠴᠢᠷ ᠬᠤᠯᠪᠤᠭ᠋ᠠᠯᠠᠨ ᠬᠦᠳᠡᠯᠤᠯᠴᠡᠵᠦ᠂ ᠪᠦᠬᠦ ᠨᠡᠢ᠌ᠭᠡᠮ ᠵᠶ᠋ᠡᠷ ᠵᠶ᠋ᠡᠨ ᠤᠷᠤᠯᠴᠠᠬᠤ ᠡᠭᠦᠳᠤᠨ ᠪᠠᠢ᠌ᠭᠤᠯᠬᠤ ᠪᠠᠢ᠌ᠭᠤᠯᠤᠯ ᠪᠤᠯᠤᠨ ᠲᠤᠭᠳᠠᠴᠠ ᠵᠢ ᠪᠤᠢ ᠪᠤᠯᠭ᠋ᠠᠬᠤ ᠵᠢ ᠠᠬᠢᠭᠤᠯᠵᠦ᠂ ᠠᠳᠠᠯ ᠦᠢ᠍ᠯᠡᠰ ᠪᠤᠰᠬᠠᠬᠤ ᠬᠡᠯᠪᠡᠷᠢ ᠵᠢᠨ ᠭᠠᠵᠠᠷ ᠤᠷᠤᠨ᠎ᠢ ᠡᠭᠦᠳᠤᠨ ᠪᠠᠢ᠌ᠭᠤᠯᠬᠤ ᠠᠵᠢᠯ᠎ᠤᠨ ᠪᠤᠳᠠᠳᠤ ᠦᠷ᠎ᠡ ᠠᠰᠢᠭ ᠤᠯᠬᠤ ᠵᠢ᠎ᠨᠢ ᠪᠠᠳᠤᠯᠠᠨ᠎ᠠ᠃ ᠡᠴᠤᠰ᠎ᠤᠨ ᠬᠢᠨᠠᠨ ᠲᠤᠭᠳᠠᠭ᠋ᠠᠯ᠎ᠳᠤ ᠬᠢᠷᠢ᠎ᠳᠤ ᠳᠡᠩᠴᠡᠭᠰᠡᠨ ᠦᠬᠡᠢ ᠭᠠᠵᠠᠷ ᠤᠷᠤᠨ᠎ᠢ ᠰᠢᠮᠳᠠᠭᠤᠯᠤᠨ ᠪᠠᠢ᠌ᠴᠠᠭ᠋ᠠᠬᠤ ᠪᠠ ᠦᠨᠡᠯᠡᠬᠦ ᠵᠢ ᠴᠢᠩᠭ᠋ᠠᠳᠬᠠᠨ᠎ᠠ᠃ ᠠᠳᠠᠯ ᠦᠢ᠍ᠯᠡᠰ ᠪᠤᠰᠬᠠᠬᠤ ᠵᠢᠱ᠌ᠢᠶ᠎ᠡ ᠦᠵᠡᠭᠦᠯᠬᠦ ᠳᠡᠯᠭᠡᠭᠦᠷ᠎ᠢ ᠠᠳᠠᠯᠢᠳᠬᠠᠨ ᠰᠢᠯᠭ᠋ᠠᠷᠠᠭᠤᠯᠬᠤ ᠠᠵᠢᠯᠯᠠᠭ᠎ᠠ ᠵᠢ ᠦᠷᠬᠦᠯᠵᠢᠯᠡᠨ ᠵᠤᠬᠢᠶᠠᠨ ᠪᠠᠢ᠌ᠭᠤᠯᠤᠨ ᠦᠷᠨᠢᠬᠦᠯᠦᠨ᠎ᠡ᠃
[ ᠬᠦᠳᠤᠯᠦᠭᠴᠢ] ᠠᠵᠢᠯ ᠤᠯᠭᠤᠬᠤ᠎ᠳᠤ ᠬᠦᠴᠢᠷᠳᠡᠯ᠎ᠲᠠᠢ ᠪᠦᠯᠦᠭᠯᠡᠯ᠎ᠳᠤ ᠠᠵᠢᠯ ᠤᠯᠭᠤᠬᠤ ᠵᠢ ᠠᠬᠢᠭᠤᠯᠬᠤ ᠪᠤᠯ ᠠᠵᠢᠯ ᠤᠯᠭᠤᠬᠤ᠎ᠳᠤ ᠬᠦᠴᠢᠷᠳᠠᠯ᠎ᠲᠠᠢ ᠪᠦᠯᠦᠭᠯᠡᠯ᠎ᠤᠨ ᠠᠮᠢᠳᠤᠷᠠᠯ᠎ᠢ ᠰᠠᠢ᠌ᠵᠢᠷᠠᠭᠤᠯᠬᠤ ᠦᠨᠳᠤᠰᠤᠨ ᠤᠷᠢᠳᠠᠯ ᠪᠠ ᠠᠷᠭ᠎ᠠ ᠵᠠᠮ ᠪᠤᠯᠬᠤ ᠮᠦᠷᠳᠡᠭᠡᠨ ᠪᠠᠰᠠ᠎ᠴᠤ ᠨᠡᠢ᠌ᠭᠡᠮ ᠵᠢᠷᠤᠮᠳᠤ ᠡᠪ ᠵᠤᠬᠢᠴᠠᠯᠳᠤ ᠨᠡᠢ᠌ᠭᠡᠮ᠎ᠢ ᠴᠤᠭᠴᠠᠯᠠᠨ ᠪᠠᠢ᠌ᠭᠤᠯᠬᠤ ᠵᠢᠨ ᠴᠢᠬᠤᠯᠠ ᠠᠷᠭ᠎ᠠ ᠬᠡᠮᠵᠢᠶ᠎ᠡ ᠮᠦᠨ᠃ ᠡᠨᠡ ᠵᠢᠯ ᠠᠵᠢᠯ ᠤᠯᠭᠤᠯᠳᠠ ᠵᠢᠨ ᠲᠤᠰᠠᠯᠠᠮᠵᠢ ᠵᠢ ᠴᠢᠩᠭ᠋ᠠᠷᠠᠭᠤᠯᠵᠦ᠂ ᠠᠵᠢᠯ ᠤᠯᠭᠤᠬᠤ᠎ᠳᠤ ᠬᠦᠴᠢᠷᠳᠠᠯ᠎ᠲᠠᠢ ᠪᠦᠯᠦᠭᠯᠡᠯ᠎ᠳᠤ ᠲᠤᠭᠳᠠᠭᠤᠨ ᠠᠵᠢᠯ ᠤᠯᠭᠤᠬᠤ ᠲᠠᠯ᠎ᠠ᠎ᠪᠠᠷ ᠶᠠᠮᠠᠷ ᠶᠠᠮᠠᠷ ᠭᠤᠤᠯᠳᠠᠯᠭ᠎ᠠ᠎ᠲᠠᠢ ᠠᠵᠢᠯ᠎ᠢ ᠰᠠᠢ᠌ᠳᠤᠷ ᠬᠢᠬᠦ ᠪᠤᠢ?
[ ᠸᠠᠩ ᠶᠢᠤ ᠬᠤᠩ] ᠭᠤᠷᠪᠠᠨ ᠭᠤᠤᠯᠳᠠᠯᠭ᠎ᠠ ᠵᠢ ᠲᠤᠪᠤᠢ᠌ᠮ᠎ᠠ ᠠᠳᠬᠤᠨ᠎ᠠ᠃ ᠨᠢᠭᠡ᠎ᠳᠤ ᠬᠤᠳᠠ ᠬᠦᠳᠡᠭᠡ ᠵᠢᠨ ᠠᠵᠢᠯ ᠤᠯᠭᠤᠬᠤ᠎ᠳᠤ ᠬᠦᠴᠢᠷᠳᠡᠯ᠎ᠲᠠᠢ ᠪᠠᠢ᠌ᠭ᠎ᠠ ᠬᠦᠮᠤᠰ ᠢ ᠳᠡᠳᠬᠦᠨ ᠠᠵᠢᠯ ᠤᠯᠬᠤ ᠵᠢ ᠲᠡᠷᠢᠬᠦᠨ ᠬᠠᠷᠠᠯᠳᠠ᠎ᠪᠠᠨ ᠪᠤᠯᠭ᠋ᠠᠵᠦ᠂ ᠠᠵᠢᠯ ᠤᠯᠬᠤ᠎ᠳᠤ ᠬᠦᠴᠢᠷᠳᠡᠯ᠎ᠲᠠᠢ ᠬᠦᠮᠤᠰ᠎ᠢ ᠳᠡᠳᠬᠦᠨ ᠲᠤᠰᠠᠯᠠᠬᠤ ᠡᠷᠴᠢᠮ᠎ᠢ ᠤᠯᠠᠮ ᠢᠯᠡᠭᠦᠤ ᠴᠢᠩᠭ᠋ᠠᠯᠠᠵᠦ᠂ ᠠᠵᠢᠯ ᠤᠯᠭᠤᠬᠤ ᠲᠤᠰᠠᠯᠠᠮᠵᠢ ᠵᠢᠨ ᠲᠤᠭᠳᠠᠴᠠ ᠵᠢ ᠳᠡᠭᠦᠯᠳᠡᠷᠵᠢᠬᠦᠯᠵᠦ᠂ ᠠᠵᠢᠯ ᠠᠯᠳᠠᠭᠰᠠᠳ᠎ᠢ ᠬᠠᠪᠰᠤᠷᠤᠨ ᠠᠵᠢᠯ ᠠᠯᠳᠠᠬᠤ ᠦᠶᠡᠯᠡᠯ᠎ᠤᠨ ᠬᠤᠭᠤᠴᠠᠭ᠎ᠠ ᠵᠢ᠎ᠨᠢ ᠪᠤᠭᠤᠨᠢᠰᠬᠠᠵᠦ᠂ ᠠᠵᠢᠯ ᠤᠯᠬᠤ᠎ᠳᠤ ᠬᠦᠴᠢᠷᠳᠠᠯ᠎ᠲᠠᠢ ᠬᠦᠮᠤᠰ᠎ᠢ ᠭᠤᠤᠯᠳᠠᠯᠭ᠎ᠠ᠎ᠲᠠᠢ ᠳᠡᠳᠬᠦᠨ ᠠᠵᠢᠯ ᠤᠯᠭᠤᠵᠦ᠂ ᠠᠵᠢᠯ ᠦᠬᠡᠢ ᠡᠷᠤᠬᠡ ᠭᠡᠷ᠎ᠢ ᠦᠬᠡᠢ ᠪᠤᠯᠭ᠋ᠠᠨ᠎ᠠ᠃ ᠬᠤᠶᠡᠷ᠎ᠲᠤ ᠠᠵᠢᠯ ᠤᠯᠭᠤᠬᠤ ᠲᠤᠰᠠᠯᠠᠮᠵᠢ ᠵᠢ ᠲᠦᠷᠢᠮᠵᠢᠬᠦᠯᠬᠦ᠂ ᠤᠷᠳᠤ ᠬᠤᠭᠤᠴᠠᠭ᠎ᠠ᠎ᠪᠠᠷ ᠪᠦᠳᠦᠮᠵᠢᠬᠦᠯᠬᠦ᠂ ᠨᠠᠷᠢᠯᠢᠭᠵᠢᠭᠤᠯᠬᠤ ᠪᠠᠢ᠌ᠭᠤᠯᠤᠯᠳᠠ ᠵᠢ ᠴᠢᠩᠭ᠋ᠠᠳᠬᠠᠨ᠎ᠠ᠃ ᠬᠤᠳᠠ ᠪᠠᠯᠭ᠋ᠠᠰᠤ ᠵᠢᠨ 《ᠠᠵᠢᠯ ᠦᠬᠡᠢ ᠡᠷᠤᠬᠡ》᠎ᠳᠤ ᠠᠵᠢᠯ ᠤᠯᠭᠤᠬᠤ ᠲᠤᠰᠠᠯᠠᠮᠵᠢ ᠵᠢᠨ ᠠᠵᠢᠯ᠎ᠢ ᠤᠯᠠᠮ ᠨᠢᠬᠡ ᠠᠯᠬᠤᠮ ᠰᠠᠢ᠌ᠳᠤᠷ ᠬᠢᠬᠦ ᠲᠤᠬᠠᠢ ᠦᠪᠡᠷᠳᠡᠭᠡᠨ ᠵᠠᠰᠠᠬᠤ ᠤᠷᠤᠨ᠎ᠤ ᠮᠡᠳᠡᠭᠳᠡᠯ᠎ᠤᠨ ᠵᠤᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠦ᠂ ᠠᠵᠢᠯ ᠤᠯᠬᠤ᠎ᠳᠤ ᠬᠦᠴᠢᠷᠳᠠᠯ᠎ᠲᠠᠢ ᠬᠦᠮᠤᠰ ᠪᠤᠯᠤᠨ 《ᠠᠵᠢᠯ ᠦᠬᠡᠢ ᠡᠷᠤᠬᠡ》 ᠵᠢ ᠪᠦᠷᠢᠳᠭᠡᠨ ᠲᠤᠭᠳᠠᠭ᠋ᠠᠬᠤ ᠪᠠ ᠴᠢᠭᠯᠡᠬᠦᠯᠬᠦ ᠴᠢᠨᠠᠷᠲᠠᠢ ᠳᠡᠳᠬᠦᠬᠦ ᠠᠵᠢᠯ᠎ᠢ ᠰᠠᠢ᠌ᠳᠤᠷ ᠬᠢᠵᠦ᠂ ᠮᠦᠷᠳᠡᠨ ᠰᠤᠷᠪᠤᠯᠵᠢᠯᠠᠬᠤ ᠵᠢ ᠴᠢᠩᠭ᠋ᠠᠳᠬᠠᠵᠦ᠂ 《ᠠᠵᠢᠯ ᠦᠬᠡᠢ ᠡᠷᠤᠬᠡ》᠎ᠳᠤ ᠦᠨᠡᠨ ᠨᠡᠷ᠎ᠡ ᠵᠢᠨ ᠲᠦᠷᠢᠮ᠎ᠳᠤ ᠬᠦᠳᠡᠯᠦᠩᠭᠦᠢ ᠬᠠᠮᠢᠶᠠᠷᠤᠯᠳᠠ ᠵᠢ ᠪᠦᠬᠦ ᠲᠠᠯ᠎ᠠ᠎ᠪᠠᠷ ᠬᠡᠷᠡᠭᠵᠢᠬᠦᠯᠵᠦ᠂ ᠪᠦᠬᠦ ᠬᠡᠪᠴᠢᠶᠡᠨ᠎ᠡ ᠤᠯᠠᠨ ᠨᠡᠢ᠌ᠳᠡ ᠵᠢᠨ ᠠᠵᠢᠯ ᠤᠯᠭᠤᠬᠤ ᠦᠢ᠍ᠯᠡᠴᠢᠯᠡᠭᠡᠨ᠎ᠢ ᠬᠠᠩᠭ᠋ᠠᠨ᠎ᠠ᠃ ᠭᠤᠷᠪᠠ᠎ᠳᠤ ᠨᠡᠢ᠌ᠳᠡ ᠵᠢᠨ ᠠᠰᠠᠷᠠᠮᠵᠢ ᠵᠢᠨ ᠤᠷᠤᠨ ᠪᠠᠢ᠌ᠷᠢ ᠵᠢ ᠶᠡᠬᠡ᠎ᠪᠠᠷ ᠨᠡᠬᠡᠬᠡᠵᠦ᠂ ᠠᠵᠢᠯ ᠤᠯᠬᠤ᠎ᠳᠤ ᠬᠦᠴᠢᠷᠳᠠᠯ᠎ᠲᠠᠢ ᠬᠦᠮᠤᠰ᠎ᠢ ᠢᠳᠡᠪᠬᠢᠲᠠᠢ ᠲᠦᠪᠬᠢᠨᠡᠬᠦᠯᠬᠦ ᠪᠠ 《ᠠᠵᠢᠯ ᠦᠬᠡᠢ ᠡᠷᠦᠬᠡ》᠎ᠳᠤ ᠠᠵᠢᠯ ᠤᠯᠭᠤᠨ᠎ᠠ᠃ ᠨᠠᠢ᠌ᠳᠡ ᠵᠢᠨ ᠠᠰᠠᠷᠠᠮᠵᠢ ᠵᠢᠨ ᠠᠵᠢᠯ᠎ᠤᠨ ᠪᠠᠢ᠌ᠷᠢ ᠵᠢ ᠨᠡᠬᠡᠬᠡᠨ ᠬᠦᠭᠵᠢᠬᠦᠯᠬᠦ ᠬᠠᠮᠢᠶᠠᠷᠬᠤ ᠬᠡᠷᠡᠭᠯᠡᠬᠦ ᠠᠷᠭ᠎ᠠ ᠵᠢ ᠲᠦᠷᠭᠡᠨ ᠲᠤᠭᠳᠠᠭ᠋ᠠᠵᠦ᠂` ᠨᠡᠢ᠌ᠳᠡ ᠵᠢᠨ ᠠᠰᠠᠷᠠᠮᠵᠢ ᠵᠢᠨ ᠠᠵᠢᠯ᠎ᠤᠨ ᠪᠠᠢ᠌ᠷᠢ ᠵᠢᠨ ᠲᠦᠪᠬᠢᠨᠡᠬᠦᠯᠦᠯᠳᠡ ᠵᠢᠨ ᠬᠡᠯᠪᠡᠷᠢ ᠵᠢ ᠰᠢᠨᠡᠴᠢᠯᠡᠵᠦ᠂ ᠭᠠᠵᠠᠷ ᠤᠷᠤᠨ᠎ᠤ ᠪᠠᠢ᠌ᠳᠠᠯ᠎ᠳᠤ ᠲᠤᠬᠢᠷᠠᠭᠤᠯᠤᠨ ᠠᠵᠢᠯ ᠤᠯᠭᠤᠬᠤ ᠠᠵᠢᠯ᠎ᠤᠨ ᠪᠠᠢ᠌ᠷᠢ ᠵᠢ ᠨᠡᠬᠡᠬᠡᠵᠦ᠂ ᠦᠨᠳᠤᠰᠤᠨ ᠱᠠᠳᠤᠨ᠎ᠤ ᠲᠠᠪᠴᠠᠩ ᠰᠠᠭᠤᠭ᠋ᠠᠯᠢ ᠠᠷᠠᠳ᠎ᠲᠠᠢ ᠤᠢ᠌ᠷᠬᠠᠨ ᠪᠠᠢ᠌ᠬᠤ ᠳᠠᠪᠠᠭᠤᠯᠢᠭ᠎ᠢ ᠬᠦᠢ᠍ᠴᠡᠳ ᠪᠠᠳᠠᠷᠠᠭᠤᠯᠵᠦ᠂ ᠨᠡᠢ᠌ᠭᠡᠮ ᠲᠤᠭᠤᠷᠢᠭ᠎ᠤᠨ ᠪᠤᠳᠠᠳᠤ ᠴᠤᠭᠴᠠ ᠵᠢ ᠡᠬᠦᠳᠤᠨ ᠡᠷᠬᠢᠯᠡᠬᠦ᠂ ᠤᠨᠴᠠᠯᠢᠭᠳᠤ ᠲᠤᠰᠠᠯᠠᠮᠵᠢ ᠵᠡᠷᠬᠡ ᠠᠵᠢᠯᠯᠠᠭ᠎ᠠ ᠵᠢ ᠦᠷᠨᠢᠬᠦᠯᠬᠦ ᠂ ᠡᠯ᠎ᠡ ᠲᠦᠷᠦᠯ᠎ᠤᠨ ᠬᠠᠷᠠᠭ᠋ᠠᠯᠵᠠᠳᠤ ᠳᠡᠳᠭᠦᠮᠵᠢ ᠵᠢᠨ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠬᠤ᠎ᠪᠠᠷ ᠳᠠᠮᠵᠢᠭᠤᠯᠤᠨ᠂ ᠬᠤᠳᠠ ᠬᠦᠳᠡᠬᠡ ᠵᠢᠨ ᠠᠵᠢᠯ ᠤᠯᠬᠤ᠎ᠳᠤ ᠬᠦᠴᠢᠷᠳᠠᠯ᠎ᠲᠠᠢ ᠬᠦᠮᠤᠰ᠎ᠲᠤ ᠠᠵᠢᠯ ᠤᠯᠭᠤᠬᠤ ᠪᠠ 《ᠠᠵᠢᠯ ᠦᠬᠡᠢ ᠡᠷᠦᠬᠡ》 ᠵᠢᠨ ᠬᠦᠳᠡᠯᠦᠯ ᠪᠠᠢ᠌ᠳᠠᠯ᠎ᠢ ᠦᠬᠡᠢ ᠪᠤᠯᠭ᠋ᠠᠨ᠎ᠠ᠃
[ ᠬᠦᠳᠤᠯᠦᠭᠴᠢ] ᠤᠯᠠᠨ ᠨᠡᠢ᠌ᠳᠡ ᠵᠢᠨ ᠠᠵᠢᠯ ᠤᠯᠭᠤᠬᠤ ᠦᠢ᠍ᠯᠡᠴᠢᠯᠡᠭᠡᠨ᠎ᠨᠢ ᠢᠳᠡᠪᠬᠢᠲᠠᠢ ᠠᠵᠢᠯ ᠤᠯᠭᠤᠬᠤ ᠲᠦᠷᠦ ᠵᠢᠨ ᠪᠤᠳᠤᠯᠭ᠎ᠠ ᠵᠢ ᠬᠡᠷᠡᠭᠵᠢᠬᠦᠯᠬᠦ ᠴᠢᠬᠤᠯᠠ ᠠᠴᠢᠶᠠᠯᠠᠭᠴᠢ ᠪᠡᠶ᠎ᠡ ᠪᠠ ᠵᠠᠰᠠᠭ᠎ᠤᠨ ᠤᠷᠳᠤᠨ ᠬᠦᠳᠡᠯᠮᠤᠷᠢᠯᠡᠭᠴᠢᠳ᠎ᠲᠤ ᠰᠢᠭᠤᠳ ᠦᠢ᠍ᠯᠡᠴᠢᠯᠡᠬᠦ ᠠᠷᠭ᠎ᠠ ᠪᠠᠷᠢᠯ ᠪᠤᠯᠤᠭᠰᠠᠨ᠎ᠤ ᠬᠤᠪᠢ᠎ᠳᠤ ᠲᠡᠭᠦᠨ᠎ᠤ ᠴᠢᠳᠠᠪᠤᠷᠢ ᠵᠢᠨ ᠪᠠᠢ᠌ᠭᠤᠯᠤᠯᠳᠠ᠎ᠨᠢ ᠦᠢ᠍ᠯᠡᠴᠢᠯᠡᠭᠡᠨ᠎ᠤ ᠶᠠᠰᠤ ᠴᠢᠨᠠᠷ ᠪᠤᠯᠤᠨ ᠬᠢᠷᠢ ᠲᠦᠪᠰᠢᠨ᠎ᠢ ᠨᠦᠯᠦᠭᠡᠯᠡᠵᠦ ᠪᠠᠢ᠌ᠳᠠᠭ᠂ ᠡᠨᠡ ᠵᠢᠯ ᠠᠵᠢᠯ ᠤᠯᠭᠤᠬᠤ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠬᠦᠯᠬᠦ ᠲᠠᠯ᠎ᠠ᠎ᠪᠠᠷ ᠦᠪᠡᠷᠳᠡᠭᠡᠨ ᠵᠠᠰᠠᠬᠤ ᠤᠷᠤᠨ ᠶᠠᠮᠠᠷ ᠴᠢᠬᠤᠯᠠ ᠠᠷᠭ᠎ᠠ ᠬᠡᠮᠵᠢᠶ᠎ᠡ᠎ᠨᠦᠭᠦᠳ᠎ᠢ ᠠᠪᠬᠤ ᠪᠤᠢ?
[ ᠸᠠᠩ ᠶᠢᠤ ᠬᠤᠩ ] ᠤᠯᠠᠨ ᠨᠡᠢ᠌ᠳᠡ ᠵᠢᠨ ᠠᠵᠢᠯ ᠤᠯᠭᠤᠬᠤ ᠦᠢ᠍ᠯᠡᠴᠢᠯᠡᠭᠡᠨ᠎ᠤ ᠲᠠᠪᠴᠠᠩ᠎ᠤᠨ ᠪᠠᠢ᠌ᠭᠤᠯᠤᠯᠳᠠ ᠵᠢ ᠬᠦᠴᠤᠲᠠᠢ ᠰᠠᠢ᠌ᠨ ᠠᠳᠬᠤᠵᠦ᠂ ᠳᠠᠪᠤᠨ ᠲᠠᠯ᠎ᠠ᠎ᠪᠠᠷ ᠲᠦᠷᠭᠡᠨ ᠳᠠᠪᠰᠢᠯᠳᠠ᠎ᠲᠠᠢ ᠪᠤᠯᠭ᠋ᠠᠨ᠎ᠠ᠃ ᠨᠢᠭᠡ᠎ᠳᠤ ᠠᠵᠢᠯ ᠤᠯᠭᠤᠬᠤ ᠮᠡᠳᠡᠬᠡ ᠵᠠᠩᠬᠢ ᠵᠢᠨ ᠰᠦᠯᠵᠢᠶᠡᠨ᠎ᠤ ᠪᠠᠢ᠌ᠭᠤᠯᠤᠯᠳᠠ ᠵᠢ ᠲᠦᠷᠭᠡᠨ ᠠᠬᠢᠭᠤᠯᠤᠨ᠎ᠠ᠃ ᠬᠦᠳᠡᠯᠮᠤᠷᠢ ᠠᠵᠢᠯ ᠤᠯᠭᠤᠬᠤ ᠭᠤᠤᠯᠯᠠᠭᠴᠢ ᠲᠤᠬᠠᠢ᠌ᠯᠠᠭᠰᠠᠨ ᠠᠵᠢᠯ᠎ᠤᠨ ᠬᠤᠪᠢᠶᠠᠷᠢ ᠰᠢᠰᠲᠸᠮ᠎ᠤᠨ ᠲᠤᠬᠠᠢ᠌ᠯᠠᠭᠰᠠᠨ ᠠᠵᠢᠯ᠎ᠤᠨ ᠦᠢ᠍ᠯᠡᠳᠤᠯ᠎ᠳᠤ ᠮᠤᠳ᠋ᠸᠯ ᠬᠡᠰᠡᠭ᠎ᠢ ᠤᠯᠠᠮ ᠳᠡᠭᠦᠯᠳᠡᠷᠵᠢᠭᠦᠯᠵᠦ᠂ ᠬᠤᠳᠠ ᠬᠦᠳᠡᠭᠡ ᠵᠢᠨ ᠰᠢᠨ᠎ᠡ᠎ᠪᠠᠷ ᠨᠡᠮᠡᠭᠳᠡᠭᠰᠡᠨ ᠠᠵᠢᠯ ᠤᠯᠭᠤᠯᠳᠠ᠂ ᠪᠦᠷᠢᠳᠭᠡᠭᠰᠡᠨ ᠠᠵᠢᠯ ᠠᠯᠳᠠᠭᠰᠠᠳ᠂ ᠠᠵᠢᠯ ᠤᠯᠬᠤ᠎ᠳᠤ ᠬᠦᠴᠢᠷᠳᠡᠯ᠎ᠲᠠᠢ ᠬᠦᠮᠤᠰ ᠵᠡᠷᠭᠡ ᠶᠢᠰᠤᠨ ᠲᠦᠷᠦᠯ᠎ᠤᠨ ᠬᠦᠮᠤᠰ᠎ᠤᠨ ᠦᠨᠡᠨ ᠨᠡᠷ᠎ᠡ ᠵᠢᠨ ᠲᠦᠷᠢᠮ᠎ᠳᠤ ᠬᠦᠳᠡᠯᠦᠩᠬᠦᠢ ᠬᠠᠮᠢᠶᠠᠷᠤᠯᠳᠠ ᠵᠢᠨ ᠠᠵᠢᠯ ᠤᠯᠭᠤᠬᠤ ᠪᠦᠷᠢᠳᠭᠡᠯ᠎ᠤᠨ ᠮᠡᠳᠡᠭᠦᠯᠦᠯᠳᠡ ᠵᠢᠨ ᠬᠦᠰᠤᠨᠦᠭ᠎ᠤᠨ ᠲᠤᠭ᠎ᠠ ᠪᠠᠷᠢᠮᠳᠠ ᠬᠢᠭᠡᠳ ᠮᠡᠳᠡᠬᠡ ᠵᠠᠩᠬᠢ ᠵᠢᠨ ᠰᠢᠰᠲᠸᠮ᠎ᠤᠨ ᠲᠤᠭ᠎ᠠ ᠪᠠᠷᠢᠮᠳᠠ ᠵᠢ ᠪᠦᠬᠦ ᠲᠠᠯ᠎ᠠ᠎ᠪᠠᠷ ᠠᠮᠠ ᠰᠡᠭᠡᠷ ᠵᠤᠯᠭ᠋ᠠᠭᠤᠯᠤᠨ᠎ᠠ᠃ ᠦᠪᠡᠷᠳᠡᠭᠡᠨ ᠵᠠᠰᠠᠬᠤ ᠤᠷᠤᠨ᠎ᠠᠴᠠ ᠭᠠᠴᠠᠭ᠎ᠠ ᠲᠤᠰᠬᠤᠨ ᠬᠦᠷᠳᠡᠯᠡᠬᠢ᠂ ᠳᠠᠪᠤᠨ ᠱᠠᠳᠤ ᠨᠡᠪᠳᠡᠷᠡᠯᠴᠡᠬᠦ᠂ ᠬᠤᠳᠠ ᠬᠦᠳᠡᠭᠡ ᠵᠢ ᠪᠦᠷᠬᠦᠬᠦ ᠤᠯᠠᠨ ᠨᠡᠢ᠌ᠳᠡ ᠵᠢᠨ ᠠᠵᠢᠯ ᠤᠯᠭᠤᠬᠤ ᠮᠡᠳᠡᠬᠡ ᠵᠠᠩᠬᠢ ᠵᠢᠨ ᠦᠢ᠍ᠯᠡᠴᠢᠯᠡᠭᠡᠨ᠎ᠤ ᠰᠦᠯᠵᠢᠶ᠎ᠡ ᠪᠠᠢ᠌ᠭᠤᠯᠬᠤ ᠵᠢ ᠢᠳᠡᠪᠬᠢᠲᠠᠢ ᠠᠬᠢᠭᠤᠯᠵᠦ᠂ ᠦᠢ᠍ᠯᠡᠴᠢᠯᠡᠭᠡᠨ᠎ᠤ ᠴᠢᠳᠠᠪᠤᠷᠢ ᠪᠠ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠦᠨ᠎ᠡ᠃ ᠤᠯᠠᠨ ᠨᠡᠢ᠌ᠳᠡ ᠵᠢᠨ ᠠᠵᠢᠯ ᠤᠯᠭᠤᠬᠤ ᠦᠢ᠍ᠯᠡᠴᠢᠯᠡᠭᠡᠨ᠎ᠤ ᠰᠦᠯᠵᠢᠶᠡᠨ ᠳᠡᠭᠡᠷ᠎ᠡ ᠦᠢ᠍ᠯᠡᠴᠢᠯᠡᠭᠡᠨ᠎ᠤ ᠲᠤᠮᠤ ᠲᠠᠩᠬᠢᠮ ᠪᠠᠢ᠌ᠭᠤᠯᠬᠤ ᠵᠢ ᠲᠦᠷᠭᠡᠨ ᠠᠬᠢᠭᠤᠯᠵᠦ᠂ ᠰᠦᠯᠵᠢᠶᠡᠨ ᠳᠡᠭᠡᠷ᠎ᠡ ᠦᠢ᠍ᠯᠡᠴᠢᠯᠡᠬᠦ ᠲᠤᠮᠤ ᠲᠠᠩᠬᠢᠮ᠎ᠤᠨ ᠪᠠᠢ᠌ᠭᠤᠯᠤᠯᠳᠠ ᠵᠢ ᠤᠯᠠᠨ ᠲᠦᠮᠡᠨ᠎ᠯᠦᠭᠡ ᠤᠯᠠᠨ ᠨᠡᠢ᠌ᠳᠡ ᠵᠢᠨ ᠠᠵᠢᠯ ᠤᠯᠭᠤᠬᠤ ᠦᠢ᠍ᠯᠡᠴᠢᠯᠡᠭᠡᠨ ᠬᠠᠩᠭ᠋ᠠᠬᠤ 《ᠳᠡᠭ ᠵᠠᠢ᠌ᠳᠤ》 ᠳᠠᠪᠴᠠᠩ ᠪᠤᠯᠭ᠋ᠠᠨ᠎ᠠ᠃ ᠬᠤᠶᠠᠷ᠎ᠲᠤ ᠠᠵᠢᠯ ᠤᠯᠭᠤᠬᠤ ᠦᠢ᠍ᠯᠡᠴᠢᠯᠡᠭᠡ ᠪᠤᠯᠤᠨ ᠠᠵᠢᠯ ᠤᠯᠭᠤᠬᠤ ᠬᠠᠮᠢᠶᠠᠷᠤᠯᠳᠠ ᠵᠢᠨ ᠲᠤᠭᠳᠠᠭ᠋ᠠᠯ》᠎ᠢ ᠬᠢᠨᠠᠮᠠᠭ᠋ᠠᠢ ᠨᠠᠢ᠌ᠳᠡᠪᠤᠷᠢᠵᠢᠭᠤᠯᠤᠨᠠ᠃ 《ᠠᠵᠢᠯ ᠤᠯᠭᠤᠬᠤ ᠦᠢ᠍ᠯᠡᠴᠢᠯᠡᠭᠡ ᠪᠤᠯᠤᠨ ᠠᠵᠢᠯ ᠤᠯᠭᠤᠬᠤ ᠬᠠᠮᠢᠶᠠᠷᠤᠯᠳᠠ ᠵᠢᠨ ᠲᠤᠭᠳᠠᠭ᠋ᠠᠯ᠎ᠳᠤ ᠵᠠᠰᠠᠪᠤᠷᠢ ᠤᠷᠤᠭᠤᠯᠬᠤ ᠲᠤᠬᠠᠢ ᠬᠦᠮᠤᠨ᠎ᠤ ᠬᠦᠴᠤᠨ᠎ᠤ ᠡᠬᠢ ᠪᠠᠶᠠᠯᠢᠭ ᠪᠤᠯᠤᠨ ᠨᠡᠢ᠌ᠭᠡᠮ᠎ᠤᠨ ᠪᠠᠳᠤᠯᠠᠭ᠎ᠠ ᠵᠢᠨ ᠶᠠᠮᠤᠨ᠎ᠤ ᠲᠤᠭᠳᠠᠭ᠋ᠠᠯ》 ᠪᠤᠯᠤᠨ 《ᠠᠵᠢᠯ ᠤᠯᠭᠤᠯᠳᠠ ᠠᠵᠢᠯ ᠠᠯᠳᠠᠯᠳᠠ ᠵᠢᠨ ᠪᠦᠷᠢᠳᠭᠡᠯ᠎ᠤᠨ ᠬᠠᠮᠢᠶᠠᠷᠤᠯᠳᠠ ᠵᠢᠨ ᠠᠷᠭ᠎ᠠ ᠵᠢ ᠤᠯᠠᠮ ᠳᠡᠭᠦᠯᠳᠡᠷᠵᠢᠬᠦᠯᠬᠦ》 ᠮᠡᠳᠡᠭᠳᠡᠯ᠎ᠤᠨ ᠵᠤᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠦ᠂ ᠠᠵᠢᠯ ᠤᠯᠭᠤᠬᠤ ᠦᠢ᠍ᠯᠡᠴᠢᠯᠡᠭᠡ ᠪᠤᠯᠤᠨ ᠠᠵᠢᠯ ᠤᠯᠭᠤᠬᠤ ᠬᠠᠮᠢᠶᠠᠷᠤᠯᠳᠠ ᠵᠢᠨ ᠠᠵᠢᠯ᠎ᠢ ᠶᠡᠬᠡ᠎ᠪᠠᠷ ᠴᠢᠩᠭ᠋ᠠᠳᠬᠠᠵᠦ᠂ ᠠᠵᠢᠯ ᠤᠯᠭᠤᠯᠳᠠ ᠠᠵᠢᠯ ᠠᠯᠳᠠᠯᠳᠠ ᠵᠢᠨ ᠪᠦᠷᠢᠳᠭᠡᠯ᠎ᠤᠨ ᠬᠠᠮᠢᠶᠠᠷᠤᠯᠳᠠ ᠵᠢᠨ ᠠᠷᠭ᠎ᠠ ᠵᠢ ᠤᠯᠠᠮ ᠢᠯᠡᠭᠦᠤ ᠳᠡᠭᠦᠯᠳᠡᠷᠵᠢᠬᠦᠯᠦᠨ᠎ᠡ᠃ ᠠᠵᠢᠯ ᠠᠯᠳᠠᠯᠳᠠ ᠵᠢᠨ ᠪᠦᠷᠢᠳᠭᠡᠯ᠎ᠤᠨ ᠨᠦᠬᠦᠴᠡᠯ᠎ᠢ ᠠᠭᠤᠵᠢᠭᠤ ᠳᠠᠯᠪᠢᠬᠤ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠦ᠂ ᠠᠵᠢᠯ ᠤᠯᠭ᠋ᠠᠯᠳᠠ ᠵᠢᠨ ᠪᠦᠷᠢᠳᠭᠡᠯ᠎ᠤᠨ ᠮᠡᠳᠡᠬᠡ ᠵᠠᠩᠬᠢ ᠴᠤᠭᠯᠠᠭᠤᠯᠬᠤ ᠠᠷᠭ᠎ᠠ ᠵᠠᠮ᠎ᠢ ᠦᠷᠭᠡᠳᠭᠡᠵᠦ᠂ ᠠᠵᠢᠯ ᠤᠯᠭᠤᠯᠳᠠ ᠠᠵᠢᠯ ᠠᠯᠳᠠᠯᠳᠠ ᠵᠢᠨ ᠪᠦᠷᠢᠳᠭᠡᠯ᠎ᠤᠨ ᠮᠡᠳᠡᠭᠡ ᠵᠠᠩᠬᠢ ᠵᠢᠨ ᠬᠦᠳᠡᠯᠦᠩᠭᠦᠢ ᠬᠠᠮᠢᠶᠠᠷᠤᠯᠳᠠ ᠵᠢ ᠪᠡᠶᠡᠯᠡᠬᠦᠯᠦᠨ᠎ᠡ᠃ ᠭᠤᠷᠪᠠ᠎ᠳᠤ ᠵᠠᠰᠠᠭ᠎ᠤᠨ ᠤᠷᠳᠤᠨ᠎ᠤ ᠬᠤᠳᠠᠯᠳᠤᠨ ᠠᠪᠬᠤ ᠤᠯᠠᠨ ᠨᠡᠢ᠌ᠳᠡ ᠵᠢᠨ ᠠᠵᠢᠯ ᠤᠯᠭᠤᠬᠤ ᠦᠢ᠍ᠯᠡᠴᠢᠯᠡᠭᠡᠨ᠎ᠤ ᠠᠵᠢᠯ᠎ᠢ ᠢᠳᠡᠪᠬᠢᠲᠠᠢ ᠠᠬᠢᠭᠤᠯᠤᠨ᠎ᠠ᠃ ᠬᠤᠰᠢᠭᠤ ᠰᠢᠶᠠᠨ᠎ᠠᠴᠠ ᠳᠤᠷᠤᠭᠰᠢᠬᠢ ᠤᠯᠠᠨ ᠨᠡᠢ᠌ᠳᠡ ᠵᠢᠨ ᠠᠵᠢᠯ ᠤᠯᠭᠤᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠵᠢᠯᠳᠠᠳ ᠲᠤᠭᠳᠠᠭᠤᠨ ᠪᠤᠰᠤ᠂ ᠠᠵᠢᠯ᠎ᠤᠨ ᠵᠠᠷᠤᠳᠠᠯ ᠬᠦᠷᠦᠯᠴᠡᠭᠡ ᠦᠬᠡᠢ ᠂ ᠳᠤᠤᠷ ᠰᠦᠯᠵᠢᠶ᠎ᠡ ᠵᠢᠨ ᠪᠠᠢ᠌ᠭᠤᠯᠤᠯᠳᠠ ᠬᠤᠴᠤᠷᠤᠩᠭᠤᠢ ᠪᠠᠢ᠌ᠬᠤ ᠵᠡᠷᠭᠡ ᠠᠵᠢᠯ᠎ᠢ ᠬᠢᠵᠠᠭ᠋ᠠᠷᠯᠠᠵᠦ ᠪᠠᠢ᠌ᠭ᠎ᠠ ᠪᠤᠭᠤᠮᠢ ᠠᠰᠠᠭᠤᠳᠠᠯ᠎ᠢ ᠭᠤᠤᠯᠳᠠᠯᠭ᠎ᠠ᠎ᠲᠠᠢ ᠰᠢᠢ᠍ᠳᠪᠤᠷᠢᠯᠠᠵᠦ᠂ ᠠᠵᠢᠯ᠎ᠤᠨ ᠬᠡᠷᠡᠭᠵᠢᠬᠦᠯᠦᠯᠳᠡ ᠵᠢᠨ ᠬᠦᠴᠤᠨ᠎ᠢ ᠨᠡᠮᠡᠭᠳᠡᠬᠦᠯᠦᠨ᠎ᠡ᠃ ᠲᠦᠷᠪᠡ᠎ᠳᠤ ᠦᠨᠳᠤᠰᠤᠨ ᠱᠠᠳᠤᠨ᠎ᠤ ᠲᠠᠪᠴᠠᠩ᠎ᠤᠨ ᠠᠵᠢᠯᠳᠠᠳ᠎ᠤᠨ ᠴᠢᠳᠠᠪᠤᠷᠢ ᠵᠢᠨ ᠪᠠᠢ᠌ᠭᠤᠯᠤᠯᠳᠠ ᠵᠢ ᠴᠢᠩᠭ᠋ᠠᠳᠬᠠᠨ᠎ᠠ᠃ 《ᠲᠦᠮᠡᠨ ᠬᠦᠮᠤᠨ᠎ᠢ ᠪᠤᠯᠪᠠᠰᠤᠷᠠᠭᠤᠯᠬᠤ ᠲᠦᠷᠦᠯ ᠵᠦᠢ᠍ᠯ》᠎ᠢ ᠦᠷᠭᠦᠯᠵᠢᠯᠡᠨ ᠬᠡᠷᠡᠭᠵᠢᠬᠦᠯᠵᠦ᠂ ᠠᠵᠢᠯᠳᠠᠳ᠎ᠤᠨ ᠭᠠᠷᠳᠠᠨ ᠭᠦᠢ᠍ᠴᠡᠳᠭᠡᠬᠦ ᠴᠢᠳᠠᠪᠤᠷᠢ ᠪᠤᠯᠤᠨ ᠲᠤᠬᠠᠢ᠌ᠯᠠᠭᠰᠠᠨ ᠠᠵᠢᠯ᠎ᠤᠨ ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠬᠦᠯᠵᠦ᠂ ᠪᠦᠬᠦ ᠵᠢᠯ᠎ᠳᠤ 3000 ᠭᠠᠷᠤᠢ ᠬᠦᠮᠤᠨ᠎ᠢ ᠪᠤᠯᠪᠠᠰᠤᠷᠠᠭᠤᠯᠤᠨ᠎ᠠ᠃ ᠳᠠᠪᠤ᠎ᠳᠤ ᠠᠵᠢᠯ ᠤᠯᠭᠤᠬᠤ ᠲᠤᠰᠬᠠᠢ ᠦᠢ᠍ᠯᠡᠴᠢᠯᠡᠭᠡᠨ᠎ᠤ ᠠᠵᠢᠯᠯᠠᠭ᠎ᠠ ᠵᠢ ᠶᠡᠬᠡ᠎ᠪᠠᠷ ᠦᠷᠨᠢᠬᠦᠯᠦᠨ᠎ᠡ᠃ ᠠᠵᠢᠯ ᠤᠯᠭᠤᠬᠤ ᠬᠤᠯᠪᠤᠭ᠋ᠠᠳᠤ ᠬᠤᠷᠠᠯ᠎ᠤᠨ ᠪᠦᠷᠢᠯᠳᠤᠭᠦᠨ ᠨᠢᠭᠡᠴᠡ ᠵᠢᠨ ᠦᠢ᠍ᠯᠡᠳᠤᠯ᠎ᠢ᠎ᠨᠢ ᠭᠦᠢ᠍ᠴᠡᠳ ᠪᠠᠳᠠᠷᠠᠭᠤᠯᠵᠦ᠂ ᠬᠠᠷᠢᠯᠴᠠᠨ ᠨᠡᠪᠳᠡᠷᠡᠯᠴᠡᠬᠦ ᠵᠤᠬᠢᠴᠠᠯᠳᠤᠬᠤ ᠵᠢ ᠴᠢᠩᠭ᠋ᠠᠳᠬᠠᠵᠦ᠂ ᠬᠠᠮᠢᠶ᠎ᠠ ᠪᠦᠬᠦᠢ ᠰᠠᠯᠠᠭ᠎ᠠ ᠮᠦᠴᠢᠷ᠎ᠲᠠᠢ ᠬᠤᠯᠪᠤᠭ᠋ᠠᠯᠠᠨ 《ᠠᠵᠢᠯ ᠤᠯᠭᠤᠬᠤ ᠲᠤᠰᠠᠯᠠᠮᠵᠢ ᠵᠢᠨ ᠰᠠᠷ᠎ᠠ》 ᠂ 《ᠠᠷᠠᠳ᠎ᠠᠴᠠ ᠡᠷᠬᠢᠯᠡᠭᠰᠡᠨ ᠠᠵᠦ ᠠᠬᠤᠢ᠌ᠯᠠᠯ᠎ᠤᠨ ᠤᠷᠢᠨ ᠡᠯᠰᠡᠬᠦ ᠭᠠᠷᠠᠭ》 ᠵᠡᠷᠭᠡ ᠤᠯᠠᠨ ᠨᠡᠢ᠌ᠳᠡ ᠵᠢᠨ ᠠᠵᠢᠯ ᠤᠯᠭᠤᠬᠤ ᠦᠢ᠍ᠯᠡᠴᠢᠯᠡᠭᠡᠨ᠎ᠤ ᠲᠤᠰᠬᠠᠢ ᠠᠵᠢᠯᠯᠠᠭ᠎ᠠ ᠵᠢ ᠦᠷᠭᠦᠯᠵᠢᠯᠡᠨ ᠵᠤᠬᠢᠶᠠᠨ ᠪᠠᠢ᠌ᠭᠤᠯᠤᠨ ᠦᠷᠨᠢᠬᠦᠯᠵᠦ᠂ ᠬᠦᠳᠡᠯᠮᠤᠷᠢᠯᠡᠭᠴᠢᠳ᠎ᠲᠤ ᠲᠦᠭᠦᠮ ᠪᠤᠭᠡᠳ ᠲᠦᠷᠬᠡᠨ᠂ ᠴᠢᠭᠯᠡᠬᠦᠯᠬᠦ ᠴᠢᠨᠠᠷᠲᠠᠢ ᠠᠵᠢᠯ ᠤᠯᠭᠤᠬᠤ ᠦᠢ᠍ᠯᠡᠴᠢᠯᠡᠭᠡᠨ ᠬᠠᠩᠭ᠋ᠠᠵᠦ᠂ ᠲᠤᠭᠳᠠᠭᠤᠨ ᠵᠶ᠋ᠡᠷ ᠠᠵᠢᠯ ᠤᠯᠭᠤᠬᠤ᠂ ᠭᠦᠢ᠍ᠴᠡᠳ ᠠᠵᠢᠯ ᠤᠯᠭᠤᠬᠤ᠂ ᠴᠢᠨᠠᠷ ᠰᠠᠢ᠌ᠲᠠᠢ᠎ᠪᠠᠷ ᠠᠵᠢᠯ ᠤᠯᠭᠤᠬᠤ ᠵᠢ ᠪᠠᠶᠡᠯᠡᠬᠦᠯᠬᠦ ᠵᠢ ᠠᠬᠢᠭᠤᠯᠤᠨ᠎ᠠ᠃
[ ᠬᠦᠳᠤᠯᠦᠭᠴᠢ] ᠠᠵᠢᠯ ᠤᠯᠭᠤᠯᠳᠠ ᠠᠵᠢᠯ ᠠᠯᠳᠠᠯᠳᠠ ᠵᠢᠨ ᠮᠡᠳᠡᠭᠡ ᠵᠠᠩᠬᠢ ᠵᠢ ᠬᠢᠨᠠᠨ ᠬᠡᠮᠵᠢᠬᠦ ᠠᠵᠢᠯ᠎ᠢ ᠰᠠᠢ᠌ᠳᠤᠷ ᠬᠢᠬᠦ ᠪᠤᠯ ᠠᠵᠢᠯ ᠤᠯᠭᠤᠯᠳᠠ ᠵᠢᠨ ᠪᠠᠢ᠌ᠳᠠᠯ᠎ᠢ ᠤᠨᠤᠪᠴᠢᠲᠠᠢ ᠮᠠᠭ᠋ᠠᠳᠯᠠᠬᠤ ᠵᠢᠨ ᠴᠢᠬᠤᠯᠠ ᠰᠠᠭᠤᠷᠢ ᠮᠦᠨ᠂ ᠡᠨᠡ ᠵᠢᠯ ᠮᠠᠨ᠎ᠤ ᠤᠷᠤᠨ ᠠᠵᠢᠯ ᠤᠯᠭᠤᠯᠳᠠ ᠠᠵᠢᠯ ᠠᠯᠳᠠᠯᠳᠠ ᠵᠢᠨ ᠮᠡᠳᠡᠭᠡ ᠵᠠᠩᠬᠢ ᠵᠢ ᠬᠢᠨᠠᠨ ᠬᠡᠮᠵᠢᠬᠦ ᠪᠠ ᠠᠵᠢᠯ ᠠᠯᠳᠠᠯᠳᠠ ᠵᠢᠨ ᠳᠠᠭ᠋ᠠᠳᠬᠠᠯ ᠵᠶ᠋ᠡᠷ ᠠᠵᠢᠯ ᠤᠯᠭᠤᠬᠤ ᠵᠢ ᠠᠬᠢᠭᠤᠯᠬᠤ ᠲᠠᠯ᠎ᠠ᠎ᠪᠠᠷ ᠶᠠᠮᠠᠷ ᠬᠡᠳᠤᠨ ᠲᠠᠯ᠎ᠠ ᠵᠢᠨ ᠠᠵᠢᠯ᠎ᠢ ᠭᠤᠤᠯᠳᠠᠯᠭ᠎ᠠ᠎ᠲᠠᠢ ᠰᠠᠢ᠌ᠳᠤᠷ ᠬᠢᠬᠦ ᠪᠤᠢ?
[ ᠸᠠᠩ ᠶᠢᠤ ᠬᠤᠩ] ᠲᠦᠷᠪᠡᠨ ᠲᠠᠯ᠎ᠠ ᠵᠢᠨ ᠠᠵᠢᠯ᠎ᠢ ᠭᠤᠤᠯᠳᠠᠯᠭ᠎ᠠ᠎ᠲᠠᠢ ᠰᠠᠢ᠌ᠳᠤᠷ ᠠᠳᠬᠤᠨ᠎ᠠ ᠃ ᠨᠢᠭᠡ᠎ᠳᠤ ᠠᠵᠢᠯ ᠤᠯᠭᠤᠯᠳᠠ ᠠᠵᠢᠯ ᠠᠯᠳᠠᠯᠳᠠ ᠵᠢᠨ ᠬᠦᠳᠡᠯᠦᠩᠭᠦᠢ ᠪᠠᠢ᠌ᠳᠠᠯ᠎ᠢ ᠬᠢᠨᠠᠨ ᠬᠡᠮᠵᠢᠬᠦ ᠵᠢ ᠴᠢᠩᠭ᠋ᠠᠷᠠᠭᠤᠯᠤᠨ᠎ᠠ᠃ ᠠᠵᠢᠯ ᠤᠯᠭᠤᠯᠳᠠ ᠵᠢᠨ ᠬᠢᠨᠠᠨ ᠬᠡᠮᠵᠢᠬᠦ ᠲᠠᠯ᠎ᠠ᠎ᠪᠠᠷ ᠠᠵᠢᠯ ᠤᠯᠭᠤᠯᠳᠠ ᠵᠢᠨ ᠮᠡᠳᠡᠭᠡ ᠵᠠᠩᠬᠢ ᠵᠢᠨ ᠰᠢᠰᠲᠸᠮ᠂ ᠨᠡᠢ᠌ᠭᠡᠮ᠎ᠤᠨ ᠪᠠᠳᠤᠯᠠᠭ᠎ᠠ ᠵᠢᠨ ᠮᠡᠳᠡᠭᠡ ᠵᠠᠩᠬᠢ ᠵᠢᠨ ᠰᠢᠰᠲᠸᠮ᠂ ᠬᠦᠳᠡᠯᠮᠤᠷᠢ ᠵᠢᠨ ᠬᠠᠷᠢᠴᠠᠭ᠋ᠠᠨ᠎ᠤ ᠮᠡᠳᠡᠭᠡ ᠵᠠᠩᠬᠢ ᠵᠢᠨ ᠰᠢᠰᠲᠸᠮ ᠵᠡᠷᠭᠡ ᠲᠤᠬᠠᠢ᠌ᠯᠠᠭᠰᠠᠨ ᠠᠵᠢᠯ᠎ᠤᠨ ᠰᠢᠰᠲᠸᠮ᠎ᠤᠨ ᠲᠤᠭ᠎ᠠ ᠪᠠᠷᠢᠮᠳᠠ ᠡᠬᠢ ᠪᠠᠶᠠᠯᠢᠭ᠎ᠢ ᠬᠠᠮᠳᠤ᠎ᠪᠠᠷ ᠬᠦᠷᠳᠡᠬᠦ ᠵᠢ ᠲᠦᠷᠭᠡᠨ ᠠᠬᠢᠭᠤᠯᠤᠨ ᠪᠡᠶᠡᠯᠡᠬᠦᠯᠵᠦ᠂ ᠠᠵᠢᠯ ᠤᠯᠭᠤᠯᠳᠠ ᠵᠢᠨ ᠮᠡᠳᠡᠭᠡ ᠵᠠᠩᠬᠢ ᠵᠢ ᠬᠢᠨᠠᠨ ᠬᠡᠮᠵᠢᠬᠦ ᠠᠵᠢᠯ᠎ᠢ ᠪᠦᠬᠦ ᠲᠠᠯ᠎ᠠ᠎ᠪᠠᠷ ᠠᠬᠢᠭᠤᠯᠤᠨ᠎ᠠ᠃ ᠠᠵᠢᠯ ᠠᠯᠳᠠᠯᠳᠠ ᠵᠢ ᠬᠢᠨᠠᠨ ᠬᠡᠮᠵᠢᠬᠦ ᠲᠠᠯ᠎ᠠ᠎ᠪᠠᠷ ᠡᠭᠦᠰᠴᠤ ᠮᠡᠳᠡᠬᠦ ᠪᠦᠳᠤᠴᠡ ᠵᠢᠨ ᠴᠢᠨᠠᠷᠲᠠᠢ ᠠᠵᠢᠯ ᠠᠯᠳᠠᠬᠤ ᠵᠢ ᠠᠷᠭ᠋ᠠᠴᠠᠭ᠋ᠠᠬᠤ ᠤᠷᠢᠳᠡᠴᠢ ᠲᠦᠰᠦᠯ᠎ᠢ ᠨᠠᠷᠢᠯᠢᠭ ᠲᠤᠭᠳᠠᠭ᠋ᠠᠵᠦ᠂ ᠲᠦᠷᠦ ᠵᠢᠨ ᠪᠤᠳᠤᠯᠭ᠎ᠠ ᠵᠢᠨ ᠨᠦᠭᠡᠴᠡ᠎ᠲᠠᠢ ᠪᠠᠢ᠌ᠯᠭ᠋ᠠᠨ᠎ᠠ᠃ ᠡᠨᠡ ᠵᠢᠯ ᠪᠦᠬᠦ ᠤᠷᠤᠨ᠎ᠤ ᠠᠵᠢᠯ ᠠᠯᠳᠠᠯᠳᠠ ᠵᠢ ᠬᠢᠨᠠᠨ ᠬᠡᠮᠵᠢᠬᠦ ᠠᠵᠦ ᠠᠬᠤᠢ᠌ᠯᠠᠯ 3380 ᠭᠠᠷᠤᠢ᠎ᠳᠤ ᠬᠦᠷᠬᠦ ᠲᠤᠯᠠ ᠲᠤᠭ᠎ᠠ ᠪᠠᠷᠢᠮᠳᠠ ᠵᠢ ᠴᠤᠭᠯᠠᠭᠤᠯᠬᠤ᠂ ᠬᠤᠷᠢᠶᠠᠩᠭᠤᠢ᠌ᠯᠠᠬᠤ ᠪᠠ ᠵᠠᠳᠠᠯᠤᠨ ᠮᠡᠳᠡᠬᠦᠯᠬᠦ ᠵᠡᠷᠭᠡ ᠠᠵᠢᠯ᠎ᠤᠳ᠎ᠢ ᠬᠢᠨᠠᠮᠠᠭ᠋ᠠᠢ ᠬᠢᠵᠦ᠂ ᠠᠵᠢᠯ ᠤᠯᠭᠤᠯᠳᠠ ᠵᠢᠨ ᠪᠠᠢ᠌ᠳᠠᠯ᠎ᠳᠤ ᠮᠠᠭ᠋ᠠᠳᠯᠠᠯᠳᠠ ᠬᠢᠬᠦ ᠵᠢ ᠴᠢᠩᠭ᠋ᠠᠳᠬᠠᠵᠦ᠂ ᠰᠢᠢ᠍ᠳᠪᠤᠷᠢᠳᠤ ᠪᠤᠳᠤᠯᠭ᠎ᠠ᠎ᠳᠤ ᠨᠠᠢ᠌ᠳᠠᠪᠤᠷᠢᠲᠠᠢ ᠲᠤᠭ᠎ᠠ ᠪᠠᠷᠢᠮᠳᠠ ᠤᠯᠭᠤᠨ᠎ᠠ᠃ ᠬᠤᠶᠠᠷ᠎ᠲᠤ ᠨᠡᠢ᠌ᠭᠡᠮ᠎ᠤᠨ ᠪᠠᠳᠤᠯᠠᠭ᠎ᠠ ᠵᠢᠨ ᠬᠠᠮᠢᠶᠠᠷᠤᠯᠳᠠ ᠵᠢᠨ ᠮᠡᠳᠡᠭᠡ ᠵᠠᠩᠬᠢ ᠵᠢᠨ ᠰᠢᠰᠲᠸᠮ᠎ᠤᠨ ᠬᠡᠷᠡᠭᠯᠡᠯᠳᠡ ᠵᠢ ᠯᠠᠪᠳᠠᠭᠤᠨ ᠰᠠᠢ᠌ᠳᠤᠷ ᠠᠳᠬᠤᠨ᠎ᠠ᠃ ᠪᠦᠬᠦ ᠤᠷᠤᠨ᠎ᠤ ᠠᠵᠢᠯ ᠠᠯᠳᠠᠯᠳᠠ ᠵᠢᠨ ᠳᠠᠭ᠋ᠠᠳᠬᠠᠯ᠎ᠤᠨ ᠲᠤᠬᠠᠢ᠌ᠯᠠᠭᠰᠠᠨ ᠠᠵᠢᠯ᠎ᠢ ᠰᠦᠯᠵᠢᠶᠡᠨ ᠳᠡᠭᠡᠷ᠎ᠡ ᠭᠠᠷᠳᠠᠨ ᠭᠦᠢ᠍ᠴᠡᠳᠭᠡᠬᠦ ᠵᠢ ᠪᠡᠶᠡᠯᠡᠬᠦᠯᠦᠭᠰᠡᠨ ᠰᠠᠭᠤᠷᠢᠨ ᠳᠡᠭᠡᠷ᠎ᠡ᠂ ᠨᠡᠢ᠌ᠭᠡᠮ᠎ᠤᠨ ᠳᠠᠭ᠋ᠠᠳᠬᠠᠯ᠎ᠢ ᠡᠳ᠋᠎ᠤᠨ ᠶᠠᠪᠤᠳᠠᠯ᠎ᠤᠨ ᠰᠢᠰᠲᠸᠮ ᠪᠤᠯᠤᠨ ᠮᠦᠩᠬᠦᠨ ᠭᠦᠢ᠍ᠯᠬᠡᠬᠡ ᠭᠠᠢ᠌ᠯᠢ ᠵᠢᠨ ᠰᠢᠰᠲᠸᠮᠯᠤᠭᠠ ᠵᠤᠯᠭ᠋ᠠᠭᠤᠯᠬᠤ ᠵᠢ ᠢᠳᠡᠪᠬᠢᠲᠠᠢ ᠠᠬᠢᠭᠤᠯᠵᠦ᠂ ᠰᠦᠯᠵᠢᠶᠡᠵᠢᠬᠦᠯᠦᠯᠳᠡ ᠵᠢᠨ ᠲᠤᠭ᠎ᠠ ᠪᠠᠷᠢᠮᠳᠠ ᠵᠢ ᠮᠡᠳᠡᠭᠦᠯᠦᠨ ᠬᠦᠷᠬᠡᠬᠦ ᠠᠵᠢᠯ᠎ᠢ ᠴᠢᠩᠭ᠋ᠠᠷᠠᠭᠤᠯᠵᠦ᠂ ᠠᠵᠢᠯ ᠠᠯᠳᠠᠯᠳᠠ ᠵᠢᠨ ᠳᠠᠭ᠋ᠠᠳᠬᠠᠯ᠎ᠤᠨ ᠮᠡᠳᠡᠭᠡ ᠵᠠᠩᠬᠢᠵᠢᠯᠳᠠ ᠵᠢᠨ ᠬᠠᠮᠢᠶᠠᠷᠤᠯᠳᠠ ᠵᠢᠨ ᠬᠢᠷᠢ ᠲᠦᠪᠰᠢᠨ᠎ᠢ ᠲᠠᠰᠤᠷᠠᠯᠳᠠ ᠦᠬᠡᠢ ᠳᠡᠭᠡᠭᠰᠢᠯᠡᠬᠦᠯᠦᠨ᠎ᠡ᠃ ᠳᠡᠭᠡᠷ᠎ᠡ ᠬᠠᠭ᠋ᠠᠰ ᠵᠢᠯ᠎ᠳᠤ ᠦᠪᠡᠷᠳᠡᠭᠡᠨ ᠵᠠᠰᠠᠬᠤ ᠤᠷᠤᠨ ᠬᠠᠮᠢᠶ᠎ᠠ ᠪᠦᠬᠦᠢ ᠨᠢᠭᠡᠴᠡ ᠵᠢ ᠵᠤᠬᠢᠶᠠᠨ ᠪᠠᠢ᠌ᠭᠤᠯᠤᠨ ᠲᠤᠰᠬᠠᠢ ᠰᠢᠮᠳᠠᠭᠤᠯᠤᠨ ᠪᠠᠢ᠌ᠴᠠᠭ᠋ᠠᠯᠳᠠ ᠬᠢᠵᠦ᠂ ᠪᠦᠬᠦᠨ᠎ᠢ ᠰᠦᠯᠵᠢᠶᠡᠵᠢᠬᠦᠯᠦᠨ ᠵᠤᠯᠭᠤᠭᠤᠯᠬᠤ ᠵᠢ ᠠᠬᠢᠭᠤᠯᠤᠨ᠎ᠠ᠃ ᠭᠤᠷᠪᠠ᠎ᠳᠤ ᠪᠡᠯᠡ ᠮᠦᠩᠬᠦᠨ᠎ᠤ ᠬᠠᠮᠢᠶᠠᠷᠤᠯᠳᠠ ᠵᠢ ᠴᠢᠩᠭ᠋ᠠᠷᠠᠭᠤᠯᠤᠨ᠎ᠠ᠃ ᠠᠵᠢᠯ ᠠᠯᠳᠠᠯᠳᠠ ᠵᠢᠨ ᠳᠠᠭ᠋ᠠᠳᠬᠠᠯ᠎ᠤᠨ ᠲᠤᠬᠠᠢ᠌ᠯᠠᠭᠰᠠᠨ ᠠᠵᠢᠯ᠎ᠤᠨ ᠴᠤᠪᠤᠷᠠᠯ᠎ᠢ ᠤᠯᠠᠮ ᠳᠡᠬᠦᠯᠳᠡᠷᠵᠢᠬᠦᠯᠵᠦ᠂ ᠠᠵᠢᠯ ᠠᠯᠳᠠᠯᠳᠠ ᠵᠢᠨ ᠳᠠᠭ᠋ᠠᠳᠬᠠᠯ᠎ᠤᠨ ᠰᠠᠭᠤᠷᠢ ᠮᠦᠩᠬᠦ᠂ ᠠᠵᠢᠯ ᠤᠯᠭᠤᠯᠳᠠ ᠵᠢᠨ ᠲᠤᠰᠬᠠᠢ ᠪᠡᠯᠡ ᠮᠦᠩᠬᠦ ᠵᠢᠨ ᠬᠠᠮᠢᠶᠠᠷᠤᠯᠳᠠ ᠪᠠ ᠬᠡᠷᠡᠭᠯᠡᠯᠳᠡ ᠵᠢ ᠲᠦᠷᠢᠮᠵᠢᠬᠦᠯᠵᠦ᠂ ᠭᠠᠷᠳᠠᠨ ᠭᠦᠢ᠍ᠴᠡᠳᠭᠡᠬᠦ ᠵᠢᠨ ᠲᠦᠭᠰᠢᠬᠦᠷᠢ ᠵᠢ ᠪᠦᠳᠤᠮᠵᠢᠲᠠᠢ᠎ᠪᠠᠷ ᠰᠠᠷᠭᠡᠢ᠌ᠯᠡᠵᠦ᠂ ᠰᠠᠭᠤᠷᠢ ᠮᠦᠩᠬᠦ ᠵᠢ ᠠᠶᠤᠯ ᠦᠬᠡᠢ ᠡᠷᠬᠢᠯᠳᠤᠬᠦᠯᠬᠦ ᠵᠢ ᠪᠠᠳᠤᠯᠠᠨ᠎ᠠ᠃ ᠲᠦᠷᠪᠡ᠎ᠳᠤ ᠠᠵᠢᠯ ᠠᠯᠳᠠᠯᠳᠠ ᠵᠢᠨ ᠳᠠᠭ᠋ᠠᠳᠬᠠᠯ᠎ᠤᠨ ᠠᠵᠢᠯ ᠤᠯᠭᠤᠯᠳᠠ ᠵᠢ ᠠᠬᠢᠭᠤᠯᠬᠤ ᠦᠢ᠍ᠯᠡᠳᠤᠯ᠎ᠢ᠎ᠨᠢ ᠪᠠᠳᠠᠷᠠᠭᠤᠯᠵᠦ᠂ ᠠᠵᠢᠯ ᠠᠯᠳᠠᠯᠳᠠ ᠵᠢᠨ ᠳᠠᠭ᠋ᠠᠳᠬᠠᠯ ᠵᠶ᠋ᠡᠷ ᠠᠵᠦ ᠠᠬᠤᠢ᠌ᠯᠠᠯ᠎ᠢ ᠳᠡᠮᠵᠢᠨ ᠠᠵᠢᠯ᠎ᠤᠨ ᠪᠠᠢ᠌ᠷᠢ ᠵᠢ ᠲᠤᠭᠳᠠᠪᠤᠷᠢᠵᠢᠭᠤᠯᠬᠤ ᠬᠠᠮᠢᠶ᠎ᠠ ᠪᠦᠬᠦᠢ ᠠᠰᠠᠭᠤᠳᠠᠯ᠎ᠤᠨ ᠲᠤᠬᠠᠢ ᠬᠦᠮᠤᠨ᠎ᠤ ᠬᠦᠴᠤᠨ᠎ᠤ ᠡᠬᠢ ᠪᠠᠶᠠᠯᠢᠭ ᠨᠡᠢ᠌ᠭᠡᠮ᠎ᠤᠨ ᠪᠠᠳᠤᠯᠠᠭ᠎ᠠ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ ᠵᠡᠷᠭᠡ ᠰᠠᠯᠭ᠎ᠠ ᠮᠦᠴᠢᠷ᠎ᠤᠨ ᠮᠡᠳᠡᠭᠳᠡᠯ᠎ᠤᠨ ᠵᠤᠷᠢᠭ ᠰᠠᠨᠠᠭ᠎ᠠ ᠪᠤᠯᠤᠨ ᠬᠦᠴᠢᠷᠳᠡᠯ᠎ᠲᠠᠢ ᠠᠵᠦ ᠠᠬᠤᠢ᠌ᠯᠠᠯ᠎ᠢ ᠲᠤᠰᠠᠯᠠᠨ ᠠᠵᠢᠯ ᠤᠯᠭᠤᠬᠤ ᠠᠵᠢᠯ᠎ᠤᠨ ᠪᠠᠢ᠌ᠷᠢ ᠵᠢ ᠲᠤᠭᠳᠠᠪᠤᠷᠢᠵᠢᠭᠤᠯᠬᠤ ᠲᠤᠬᠠᠢ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠤᠨ ᠰᠠᠨᠠᠯ᠎ᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠦ᠂ ᠠᠵᠦ ᠠᠬᠤᠢ᠌ᠯᠠᠯ᠎ᠢ ᠳᠡᠮᠵᠢᠨ ᠠᠵᠢᠯ᠎ᠤᠨ ᠪᠠᠢ᠌ᠷᠢ ᠵᠢ ᠲᠤᠭᠳᠠᠪᠤᠷᠢᠵᠢᠭᠤᠯᠬᠤ ᠲᠦᠷᠦ ᠵᠢᠨ ᠪᠤᠳᠤᠯᠭ᠎ᠠ ᠵᠢ ᠦᠨᠡᠨᠬᠦ ᠪᠤᠳᠠᠳᠠᠢ᠎ᠳᠤ ᠨᠠᠢ᠌ᠳᠠᠪᠤᠷᠢᠵᠢᠭᠤᠯᠤᠨ᠎ᠠ᠃
[ ᠬᠦᠳᠤᠯᠦᠭᠴᠢ] ᠵᠠ ᠰᠠᠢ᠌ᠨ ᠪᠤᠯᠤᠯ᠎ᠠ᠂ ᠸᠠᠩ ᠳᠠᠷᠤᠭ᠎ᠠ ᠵᠢᠨ ᠬᠠᠯᠠᠰᠢᠷᠠᠯ ᠦᠬᠡᠢ ᠲᠠᠢ᠌ᠯᠪᠤᠷᠢᠯᠠᠨ ᠶᠠᠷᠢᠭᠰᠠᠨ᠎ᠳᠤ ᠲᠠᠯᠠᠷᠬᠠᠵᠦ ᠪᠠᠢ᠌ᠨ᠎ᠠ᠂ ᠮᠦᠨᠴᠤ ᠰᠦᠯᠵᠢᠶᠡᠨ ᠠᠨᠳᠠ ᠨᠠᠷ᠎ᠤᠨ ᠢᠳᠡᠪᠬᠢᠲᠠᠢ ᠤᠷᠤᠯᠴᠠᠭᠰᠠᠨ᠎ᠳᠤ ᠲᠠᠯᠠᠷᠬᠠᠵᠦ ᠪᠠᠢ᠌ᠨ᠎ᠠ᠃ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠶᠠᠷᠢᠯᠴᠠᠭ᠎ᠠ ᠡᠨᠳᠡ ᠬᠦᠷᠦᠭᠡᠳ ᠲᠡᠭᠦᠰᠤᠯᠡ᠂ ᠲᠠᠷᠠᠭ᠋ᠠᠴᠢ ᠵᠢᠨ ᠫᠷᠦᠭᠷᠡᠮ᠎ᠳᠤ ᠪᠠᠶᠠᠷᠲᠠᠢ ᠵᠤᠯᠭ᠋ᠠᠶ᠎ᠠ!