
ᠰᠤᠷᠪᠤᠯᠵᠢᠯᠠᠨ ᠶᠠᠷᠢᠯᠴᠠᠭᠰᠠᠨ ᠭᠣᠣᠯ ᠰᠡᠳᠦᠪ᠄
ᠰᠢᠨ᠎ᠡ ᠬᠡᠪ ᠪᠠᠢ᠌ᠳᠠᠯ᠎ᠳᠤ ᠵᠣᠬᠢᠴᠠᠭᠤᠯᠵᠤ ᠰᠢᠨ᠎ᠡ ᠠᠵᠠ ᠲᠣᠬᠢᠶᠠᠯ᠎ᠢ ᠵᠠᠪᠳᠤᠨ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠪᠦᠬᠦ ᠬᠦᠴᠦᠨ ᠵᠶ᠋ᠡᠷ ᠵᠶ᠋ᠠᠨ ᠲᠦᠯᠬᠢᠨ ᠠᠬᠢᠭᠤᠯᠤᠶ᠎ᠠ
ᠰᠤᠷᠪᠤᠯᠵᠢᠯᠠᠨ ᠶᠠᠷᠢᠯᠴᠠᠭᠰᠠᠨ ᠴᠠᠭ᠄ 2015 ᠣᠨ᠎ᠤ 5 ᠳ᠋ᠤᠭ᠋ᠠᠷ ᠰᠠᠷ᠎ᠠ ᠵᠢᠨ 6᠎ᠤ ᠡᠳᠦᠷ
ᠰᠤᠷᠪᠤᠯᠵᠢᠯᠠᠭᠰᠠᠨ ᠵᠣᠴᠢᠨ᠄ ᠲᠦᠩᠯᠢᠶᠣᠣ ᠬᠣᠲᠠ ᠵᠢᠨ ᠠᠵᠤ ᠠᠬᠤᠢ ᠮᠡᠳᠡᠭᠡ ᠵᠠᠩᠭᠢᠵᠢᠭᠤᠯᠤᠯᠲᠠ ᠵᠢᠨ ᠵᠥᠪᠯᠡᠯ᠎ᠤᠨ ᠡᠷᠬᠢᠯᠡᠭᠴᠢ ᠸᠠᠩ ᠴᠢᠶᠦ᠋ᠩ
ᠰᠤᠷᠪᠤᠯᠵᠢᠯᠠᠨ ᠶᠠᠷᠢᠯᠴᠠᠭᠰᠠᠨ ᠲᠣᠪᠴᠢ ᠲᠠᠨᠢᠯᠴᠠᠭᠤᠯᠭ᠎ᠠ᠄
ᠮᠠᠨ᠎ᠤ ᠤᠯᠤᠰ᠎ᠤᠨ ᠠᠵᠤ ᠠᠬᠤᠢ ᠵᠢᠨ ᠬᠥᠭᠵᠢᠯᠲᠡ ᠰᠢᠨ᠎ᠡ ᠬᠡᠪ ᠪᠠᠢ᠌ᠳᠠᠯ᠎ᠳᠤ ᠣᠷᠣᠭᠰᠠᠨ ᠶᠠᠪᠤᠳᠠᠯ ᠪᠣᠯ᠂ ᠰᠢ ᠵᠢᠨ ᠫᠢᠩ ᠨᠥᠬᠥᠷ ᠵᠶ᠋ᠡᠷ ᠶᠡᠷᠦᠩᠬᠡᠢ ᠱᠦᠵᠢ ᠪᠣᠯᠭ᠋ᠠᠭᠰᠠᠨ ᠨᠠᠮ᠎ᠤᠨ ᠲᠥᠪ ᠬᠣᠷᠢᠶ᠎ᠠ᠎ᠠᠴᠠ ᠬᠢᠭᠰᠡᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠮᠠᠭ᠋ᠠᠳᠯᠠᠯ ᠪᠣᠯᠣᠨ᠎ᠠ᠃ ᠡᠢ᠌ᠮᠦᠷᠬᠦᠦ ᠠᠵᠤ ᠠᠬᠤᠢ ᠵᠢᠨ ᠬᠥᠭᠵᠢᠯᠲᠡ ᠵᠢᠨ ᠣᠷᠴᠢᠨ ᠪᠠᠢ᠌ᠳᠠᠯ ᠳᠣᠣᠷ᠎ᠠ᠂ ᠲᠦᠩᠯᠢᠶᠣᠣ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠠᠵᠤ ᠠᠬᠤᠢ ᠵᠢᠨ ᠰᠢᠨ᠎ᠡ ᠬᠡᠪ ᠪᠠᠢ᠌ᠳᠠᠯ᠎ᠤᠨ ᠲᠤᠬᠠᠢ ᠲᠥᠪ᠂ ᠥᠪᠡᠷᠲᠡᠭᠡᠨ ᠵᠠᠰᠠᠬᠤ ᠣᠷᠣᠨ᠎ᠤ ᠵᠠᠳᠠᠯᠤᠯᠲᠠ ᠮᠠᠭ᠋ᠠᠳᠯᠠᠯ ᠪᠠ ᠪᠠᠢ᠌ᠷᠢᠯᠠᠭᠤᠯᠤᠯᠲᠠ ᠶᠣᠰᠣᠭ᠋ᠠᠷ᠂ ᠰᠢᠨ᠎ᠡ ᠬᠡᠪ ᠪᠠᠢ᠌ᠳᠠᠯ᠎ᠳᠤ ᠵᠣᠬᠢᠴᠠᠭᠤᠯᠤᠨ᠂ ᠰᠢᠨ᠎ᠡ ᠠᠵᠠ ᠲᠣᠬᠢᠶᠠᠯ᠎ᠢ ᠵᠠᠪᠳᠤᠨ᠂ ᠬᠥᠭᠵᠢᠯᠲᠡ ᠵᠢᠨ ᠰᠠᠨᠠᠭ᠋ᠠᠴᠢᠯᠠᠭ᠋ᠠᠲᠤ ᠡᠷᠬᠡ ᠵᠢ ᠪᠠᠲᠤ ᠡᠵᠡᠮᠰᠢᠵᠦ᠂ ᠠᠵᠤ ᠠᠬᠤᠢ ᠵᠢᠨ ᠬᠤᠷᠳᠤᠴᠠ ᠵᠢ ᠨᠡᠮᠡᠭᠳᠡᠭᠦᠯᠬᠦ᠂ ᠬᠥᠭᠵᠢᠭᠦᠯᠬᠦ ᠠᠷᠭ᠎ᠠ ᠮᠠᠶᠢᠭ᠂ ᠠᠵᠤ ᠠᠬᠤᠢ ᠵᠢᠨ ᠪᠦᠲᠦᠴᠡ᠂ ᠨᠡᠮᠡᠭᠳᠡᠯ᠎ᠤᠨ ᠬᠥᠳᠡᠯᠭᠡᠬᠦ ᠬᠦᠴᠦᠨ 《ᠳᠥᠷᠪᠡᠨ ᠵᠦᠭ ᠴᠢᠭᠯᠡᠯ ᠵᠶ᠋ᠡᠨ ᠰᠣᠯᠢᠬᠤ》 ᠵᠢ ᠭᠦᠢ᠍ᠴᠡᠳ ᠲᠠᠨᠢᠬᠤ ᠪᠠ ᠰᠠᠢ᠌ᠳᠤᠷ ᠡᠵᠡᠮᠰᠢᠬᠦ᠎ᠪᠠᠷ ᠭᠣᠣᠯᠳᠠᠯᠭ᠎ᠠ ᠪᠣᠯᠭ᠋ᠠᠨ᠂ ᠰᠢᠨ᠎ᠡ ᠬᠡᠪ ᠪᠠᠢ᠌ᠳᠠᠯ ᠳᠣᠣᠷᠠᠬᠢ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠰᠢᠨ᠎ᠡ ᠬᠤᠪᠢᠷᠠᠯᠲᠠ᠎ᠳᠤ ᠬᠤᠪᠢᠰᠤᠩᠭᠤᠢ᠎ᠪᠠᠷ ᠬᠠᠨᠳᠤᠵᠤ᠂ ᠯᠠᠪᠳᠠᠭᠤᠨ ᠵᠶ᠋ᠠᠷ ᠨᠡᠮᠡᠭᠳᠡᠭᠦᠯᠬᠦ ᠵᠢ ᠰᠢᠨ᠎ᠡ ᠬᠡᠪ ᠪᠠᠢ᠌ᠳᠠᠯ ᠳᠣᠣᠷᠠᠬᠢ ᠲᠡᠷᠢᠭᠦᠨ ᠴᠢᠬᠤᠯᠠ ᠡᠭᠦᠷᠭᠡ ᠪᠣᠯᠭ᠋ᠠᠨ᠂ ᠨᠡᠮᠡᠭᠳᠡᠯ᠎ᠤᠨ ᠰᠢᠨ᠎ᠡ ᠴᠡᠭ᠎ᠢ ᠪᠣᠢ᠌ᠵᠢᠭᠤᠯᠬᠤ ᠵᠢ ᠰᠢᠨ᠎ᠡ ᠬᠡᠪ ᠪᠠᠢ᠌ᠳᠠᠯ ᠳᠣᠣᠷᠠᠬᠢ ᠭᠣᠣᠯ ᠳᠠᠭ᠋ᠠᠷᠢᠬᠤ ᠴᠢᠭᠯᠡᠯ ᠪᠣᠯᠭ᠋ᠠᠪᠠ᠃ ᠣᠢ᠌ᠷ᠎ᠠ᠎ᠳᠤ᠂ ᠪᠢᠳᠡ ᠲᠦᠩᠯᠢᠶᠣᠣ ᠬᠣᠲᠠ ᠵᠢᠨ ᠠᠵᠤ ᠠᠬᠤᠢ ᠠᠵᠤ ᠠᠬᠤᠢ ᠮᠡᠳᠡᠭᠡ ᠵᠠᠩᠭᠢᠵᠢᠭᠤᠯᠤᠯᠲᠠ ᠵᠢᠨ ᠵᠥᠪᠯᠡᠯ᠎ᠤᠨ ᠡᠷᠬᠢᠯᠡᠭᠴᠢ ᠸᠠᠩ ᠴᠢᠶᠦ᠋ᠩᠢ ᠤᠷᠢᠵᠤ᠂ ᠲᠦᠩᠯᠢᠶᠣᠣ ᠬᠣᠲᠠ ᠵᠢᠨ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠪᠠᠢ᠌ᠳᠠᠯ ᠬᠢᠭᠡᠳ ᠳᠠᠷᠠᠭ᠎ᠠ ᠠᠯᠬᠤᠮ᠎ᠤᠨ ᠪᠣᠳᠣᠯᠬᠢᠯᠠᠯ᠎ᠤᠨ ᠲᠤᠬᠠᠢ ᠰᠦᠯᠵᠢᠶᠡᠨ ᠠᠨᠳᠠ ᠨᠠᠷ᠎ᠲᠠᠢ ᠵᠤᠭᠤᠭᠳᠠᠭᠤᠯᠬᠤ᠎ᠪᠠᠷ ᠪᠤᠯᠪᠠ᠃ ᠲᠤᠬᠠᠢ ᠵᠢᠨ ᠴᠠᠭ᠎ᠳᠤᠨᠢ ᠰᠦᠯᠵᠢᠶᠡᠨ ᠠᠨᠳᠠ ᠨᠠᠷ᠎ᠤᠨ ᠢᠳᠡᠪᠬᠢᠲᠠᠢ ᠤᠷᠤᠯᠴᠠᠬᠤ ᠵᠢ ᠪᠠᠶᠠᠷᠯᠠᠨ ᠤᠭᠳᠤᠵᠦ ᠪᠠᠢ᠌ᠨᠠᠮ!
[ᠬᠥᠲᠥᠯᠥᠭᠴᠢ]᠄ ᠰᠦᠯᠵᠢᠶᠡᠨ ᠠᠨᠳᠠ ᠨᠠᠷ ᠡ᠂ ᠲᠠ ᠪᠦᠬᠦᠨ ᠰᠠᠢ᠌ᠨ ᠪᠠᠢ᠌ᠵᠠᠭ᠋ᠠᠨ᠎ᠠ ᠤᠤ? ᠲᠤᠰ ᠬᠤᠭᠤᠴᠠᠭ᠋ᠠᠨ᠎ᠤ 《ᠳᠤᠮᠳᠠᠳᠤ ᠤᠯᠤᠰ ᠂ ᠦᠪᠤᠷ ᠮᠤᠩᠭᠤᠯ 》 ᠰᠦᠯᠵᠢᠶ᠎ᠡ ᠵᠢᠨ ᠰᠤᠷᠪᠤᠯᠵᠢᠯᠠᠵᠤ ᠶᠠᠷᠢᠯᠴᠠᠬᠤ ᠫᠷᠦᠭᠷᠡᠮᠢ ᠬᠦᠯᠢᠶᠡᠨ ᠦᠵᠡᠬᠦ ᠵᠢ ᠪᠠᠶᠠᠷᠯᠠᠨ ᠤᠭᠳᠤᠵᠦ ᠪᠠᠢ᠌ᠨ᠎ᠠ᠃ ᠥᠨᠥᠳᠥᠷ ᠪᠢᠳᠡ ᠲ᠋ᠦᠩᠯᠢᠶᠣᠣ ᠬᠣᠲᠠ ᠵᠢᠨ ᠠᠵᠤ ᠠᠬᠤᠢ ᠮᠡᠳᠡᠭᠡ ᠵᠠᠩᠭᠢᠵᠢᠭᠤᠯᠤᠯᠲᠠ ᠵᠢᠨ ᠵᠥᠪᠯᠡᠯ᠎ᠤᠨ ᠡᠷᠬᠢᠯᠡᠭᠴᠢ ᠸᠠᠩ ᠴᠢᠶᠦ᠋ᠩᠢ ᠤᠷᠢᠵᠤ ᠲᠦᠩᠯᠢᠶᠣᠣ ᠬᠣᠲᠠ ᠵᠢᠨ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠵᠦ ᠪᠠᠢ᠌ᠭ᠎ᠠ ᠬᠣᠯᠪᠣᠭᠳᠠᠯ ᠪᠦᠬᠦᠢ ᠪᠠᠢ᠌ᠳᠠᠯ᠎ᠤᠨ ᠲᠤᠬᠠᠢ ᠣᠯᠠᠨ᠎ᠲᠠᠢ ᠰᠦᠯᠵᠢᠶᠡᠨ ᠳᠡᠭᠡᠷ᠎ᠡ ᠵᠣᠭᠣᠭᠳᠠᠬᠤ ᠪᠣᠯᠣᠨ᠎ᠠ᠃ ᠸᠠᠩ ᠡᠷᠬᠢᠯᠡᠭᠴᠢ ᠡ᠂ ᠳᠠᠨ᠎ᠢ ᠪᠠᠶᠠᠷᠯᠠᠨ ᠤᠭᠳᠤᠵᠦ ᠪᠠᠢ᠌ᠨ᠎ᠠ!
[ᠸᠠᠩ ᠴᠢᠶᠥ᠋ᠩ]᠄ ᠬᠦᠳᠤᠯᠦᠭᠴᠢ ᠰᠠᠢ᠌ᠨ ᠤᠤ? ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨᠠᠤ? ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠰᠦᠯᠵᠢᠶ᠎ᠡ᠎ᠪᠠᠷ ᠳᠠᠮᠵᠢᠭᠤᠯᠤᠨ ᠲᠠ ᠪᠦᠬᠦᠨ᠎ᠲᠠᠢ ᠵᠤᠭᠤᠭᠳᠠᠬᠤ ᠪᠤᠯᠤᠭᠰᠠᠨ᠎ᠳᠠᠭᠠᠨ ᠮᠠᠰᠢ ᠪᠠᠶᠠᠷᠯᠠᠵᠦ ᠪᠠᠢ᠌ᠨ᠎ᠠ᠃ ᠰᠦᠯᠵᠢᠶᠡᠨ ᠠᠨᠳᠠ ᠨᠠᠷ ᠲᠦᠩᠯᠢᠶᠣᠣ ᠬᠣᠲᠠ ᠵᠢᠨ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠬᠥᠭᠵᠢᠯᠲᠡ ᠵᠢ ᠬᠠᠯᠠᠮᠵᠢᠯᠠᠨ ᠳᠡᠮᠵᠢᠭᠰᠡᠭᠡᠷ ᠢᠷᠡᠭᠰᠡᠨ᠎ᠳᠤ ᠳᠠᠯᠠᠷᠬᠠᠵᠦ ᠪᠠᠢ᠌ᠨ᠎ᠠ!
[ᠬᠥᠲᠥᠯᠥᠭᠴᠢ]᠄ ᠸᠠᠩ ᠡᠷᠬᠢᠯᠡᠭᠴᠢ ᠡ᠂ ᠲᠦᠩᠯᠢᠶᠣᠣ ᠬᠣᠲᠠ ᠵᠢᠨ 2015 ᠣᠨ᠎ᠤ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠬᠥᠭᠵᠢᠯᠲᠡ ᠵᠢᠨ ᠭᠣᠣᠯ ᠵᠢᠱ᠌ᠢᠭᠰᠡᠨ ᠬᠠᠷᠠᠯᠲᠠ᠎ᠨᠢ ᠶᠠᠭᠤ ᠪᠤᠢ?
ᠸᠠᠩ ᠴᠢᠶᠦ᠋ᠩ᠄ ᠠᠵᠤ ᠠᠬᠤᠢ ᠵᠢᠨ ᠬᠥᠭᠵᠢᠯᠲᠡ ᠵᠢᠨ ᠰᠢᠨ᠎ᠡ ᠬᠡᠪ ᠪᠠᠢ᠌ᠳᠠᠯ ᠳᠣᠣᠷᠠᠬᠢ ᠲᠣᠲᠣᠭ᠋ᠠᠳᠤ ᠬᠡᠷᠡᠭᠴᠡᠭᠡ ᠱᠠᠭ᠋ᠠᠷᠲᠠᠯᠭ᠎ᠠ ᠪᠣᠯᠣᠨ ᠬᠠᠨᠳᠤᠯᠭ᠎ᠠ ᠵᠢᠨ ᠴᠢᠨᠠᠷᠲᠠᠢ ᠬᠤᠪᠢᠷᠠᠯᠲᠠ ᠵᠢ ᠭᠦᠢ᠍ᠴᠡᠳ ᠪᠣᠳᠣᠯᠬᠢᠯᠠᠨ᠂ ᠲᠦᠩᠯᠢᠶᠣᠣ ᠬᠣᠲᠠ ᠵᠢᠨ ᠠᠵᠤ ᠠᠬᠤᠢ ᠵᠢᠨ ᠬᠤᠪᠢᠷᠠᠯᠲᠠ ᠵᠢᠨ ᠱᠠᠲᠤ ᠦᠶ᠎ᠡ ᠵᠢᠨ ᠴᠢᠨᠠᠷᠲᠠᠢ ᠣᠨᠴᠠᠯᠢᠭ ᠪᠣᠯᠣᠨ ᠭᠠᠳᠠᠭ᠋ᠠᠳᠤ ᠣᠷᠴᠢᠨ ᠨᠦᠬᠦᠴᠡᠯ᠎ᠤᠨ ᠨᠥᠯᠥᠭᠡ ᠵᠢ ᠨᠢᠭᠡᠳᠦᠯᠲᠡᠢ ᠲᠥᠯᠥᠪᠯᠡᠨ ᠪᠣᠳᠣᠯᠬᠢᠯᠠᠭᠰᠠᠨ ᠤᠷᠢᠳᠠᠯ ᠳᠣᠣᠷ᠎ᠠ᠂ ᠲᠦᠩᠯᠢᠶᠣᠣ ᠬᠣᠲᠠ ᠵᠢᠨ ᠨᠠᠮ᠎ᠤᠨ ᠬᠣᠷᠢᠶ᠎ᠠ᠂ ᠬᠣᠲᠠ ᠵᠢᠨ ᠵᠠᠰᠠᠭ᠎ᠤᠨ ᠣᠷᠳᠣᠨ 2015 ᠣᠨ᠎ᠤ ᠪᠦᠬᠦ ᠬᠣᠲᠠ ᠵᠢᠨ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠭᠣᠣᠯ ᠵᠢᠱ᠌ᠢᠭᠰᠡᠨ ᠬᠠᠷᠠᠯᠲᠠ ᠵᠢ ᠲᠣᠳᠣᠷᠬᠠᠢ᠌ᠯᠠᠪᠠ᠄ ᠡᠨᠡ᠎ᠨᠢ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠢ ᠠᠳᠠᠯᠢ ᠬᠤᠭᠤᠴᠠᠭ᠋ᠠᠨ᠎ᠤ᠎ᠬᠢ᠎ᠠᠴᠠ10%᠎ᠪᠠᠷ ᠨᠡᠮᠡᠭᠳᠡᠭᠦᠯᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠠᠬᠤᠢ᠌ᠯᠠᠯ᠎ᠢ ᠰᠢᠨ᠎ᠡ᠎ᠪᠠᠷ 40 ᠡᠷᠦᠬᠡ ᠨᠡᠮᠡᠭᠳᠡᠭᠦᠯᠦᠨ᠎ᠡ; 500 ᠲᠦᠮᠡᠨ ᠲᠥᠭᠥᠷᠢᠭ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠭᠣᠣᠯᠳᠠᠯᠭ᠎ᠠ᠎ᠲᠠᠢ ᠲᠥᠷᠥᠯ ᠵᠦᠢ᠍ᠯ 280 ᠵᠢ ᠰᠢᠨ᠎ᠡ᠎ᠪᠠᠷ ᠠᠵᠢᠯ ᠡᠬᠢᠯᠡᠭᠦᠯᠬᠦ ᠪᠠ ᠦᠷᠭᠦᠯᠵᠢᠯᠡᠨ ᠪᠠᠢ᠌ᠭᠤᠯᠵᠤ᠂ ᠠᠵᠤ ᠦᠢ᠍ᠯᠡᠳᠪᠦᠷᠢ ᠵᠢᠨ ᠲᠣᠭᠲᠠᠮᠠᠯ ᠬᠥᠷᠥᠩᠭᠡ ᠵᠢᠨ ᠪᠡᠯᠡ ᠣᠷᠤᠭᠤᠯᠤᠯᠲᠠ ᠵᠢ 600 ᠳ᠋ᠦᠩᠰᠢᠭᠤᠷ ᠲᠥᠭᠥᠷᠢᠭ᠎ᠠᠴᠠ ᠳᠡᠭᠡᠭᠰᠢ ᠪᠡᠶᠡᠯᠡᠭᠦᠯᠦᠨ᠎ᠡ᠃
[ᠬᠦᠳᠤᠯᠦᠭᠴᠢ] ᠡᠳᠡᠭᠡᠷ ᠬᠠᠷᠠᠯᠲᠠ ᠵᠢ ᠪᠡᠶᠡᠯᠡᠭᠦᠯᠬᠦ᠎ᠳᠤ ᠴᠦᠮ ᠶᠠᠭᠤ ᠶᠠᠭᠤ ᠵᠢ ᠬᠢᠬᠦ ᠴᠢᠬᠤᠯᠠᠲᠠᠢ ᠪᠣᠢ ᠭᠡᠳᠡᠭ᠎ᠢ ᠲᠠ ᠪᠢᠳᠡᠨ᠎ᠳᠤ ᠲᠠᠨᠢᠯᠴᠠᠭᠤᠯᠤᠭ᠋ᠠᠳ ᠥᠭᠭᠦᠨᠦ?
[ᠸᠠᠩ ᠴᠢᠶᠥ᠋ᠩ] ᠰᠢᠨ᠎ᠡ ᠬᠡᠪ ᠪᠠᠢ᠌ᠳᠠᠯ᠎ᠤᠨ ᠳᠣᠣᠷ᠎ᠠ᠂ ᠡᠢ᠌ᠮᠦᠷᠬᠦ ᠬᠠᠷᠠᠯᠲᠠ ᠵᠢ ᠪᠡᠶᠡᠯᠡᠭᠦᠯᠬᠦ᠎ᠳᠤ᠂ ᠳᠣᠣᠷᠠᠬᠢ ᠭᠤᠷᠪᠠᠨ ᠲᠠᠯ᠎ᠠ ᠵᠢ ᠭᠦᠢ᠍ᠴᠡᠳᠬᠡᠬᠦ ᠬᠡᠷᠡᠭᠲᠡᠢ᠄ ᠨᠢᠭᠡ᠎ᠳᠤ ᠠᠵᠤ ᠦᠢ᠍ᠯᠡᠰ᠎ᠤᠨ ᠪᠠᠢ᠌ᠷᠢᠰᠢᠭᠤᠯᠤᠯ᠎ᠢ ᠰᠢᠯᠢᠳᠡᠭᠵᠢᠭᠦᠯᠵᠦ᠂ 《ᠭᠤᠷᠪᠠᠨ ᠲᠣᠮᠣ ᠠᠵᠤ ᠦᠢ᠍ᠯᠡᠰ᠎ᠤᠨ ᠲᠥᠪᠯᠡᠷᠡᠭᠰᠡᠨ ᠪᠥᠯᠬᠦᠮ》᠎ᠢ ᠪᠡᠬᠢᠵᠢᠭᠦᠯᠦᠨ ᠳᠡᠭᠡᠭᠰᠢᠯᠡᠭᠦᠯᠦᠨ᠎ᠡ; ᠬᠣᠶᠠᠷ᠎ᠲᠤ ᠲᠥᠷᠥᠯ ᠵᠦᠢ᠍ᠯ᠎ᠤᠨ ᠪᠥᠲᠦᠭᠡᠨ ᠪᠠᠢ᠌ᠭᠤᠯᠤᠯᠲᠠ ᠵᠢ ᠴᠢᠩᠭ᠋ᠠᠷᠠᠭᠤᠯᠵᠤ᠂ ᠠᠵᠤ ᠦᠢ᠍ᠯᠡᠰ᠎ᠤᠨ ᠪᠥᠲᠦᠴᠡ ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠠᠬᠢᠭᠤᠯᠤᠨ᠎ᠠ; ᠭᠤᠷᠪᠠ᠎ᠳᠤ ᠰᠢᠨ᠎ᠡ ᠵᠢ ᠡᠭᠦᠳᠬᠦ ᠬᠥᠳᠡᠯᠭᠡᠭᠦᠷ᠎ᠢ ᠲᠡᠭᠦᠯᠳᠡᠷᠵᠢᠭᠦᠯᠦᠨ᠂ ᠠᠵᠤ ᠦᠢ᠍ᠡᠯᠰᠤᠨ ᠬᠥᠭᠵᠢᠯᠲᠡ ᠵᠢᠨ ᠴᠢᠨᠠᠷ ᠴᠢᠨᠰᠠᠭ᠎ᠠ ᠵᠢᠨ 《ᠬᠣᠶᠠᠷ᠎ᠢ ᠳᠡᠭᠡᠭᠰᠢᠯᠡᠭᠦᠯᠬᠦ》 ᠵᠢ ᠪᠡᠶᠡᠯᠡᠭᠦᠯᠦᠨ᠎ᠡ᠃
[ᠬᠦᠳᠤᠯᠦᠭᠴᠢ] ᠸᠠᠩ ᠡᠷᠬᠢᠯᠡᠭᠴᠢ ᠡ᠂ ᠲᠠᠨ᠎ᠤ ᠰᠠᠶᠢ ᠵᠢᠨ ᠳᠤᠷᠠᠳᠤᠭᠰᠠᠨ 《ᠭᠤᠷᠪᠠᠨ ᠲᠣᠮᠣ ᠠᠵᠤ ᠦᠢ᠍ᠯᠡᠰ᠎ᠤᠨ ᠲᠥᠪᠯᠡᠷᠡᠭᠰᠡᠨ ᠪᠥᠯᠬᠦᠮ》 ᠭᠡᠳᠡᠭ᠎ᠨᠢ ᠶᠠᠭᠤ ᠵᠢ ᠵᠢᠭ᠋ᠠᠵᠤ ᠪᠠᠢ᠌ᠬᠤ ᠪᠣᠢ?
[ᠸᠠᠩ ᠴᠢᠶᠥ᠋ᠩ] 《ᠭᠤᠷᠪᠠᠨ ᠲᠣᠮᠣ ᠠᠵᠤ ᠦᠢ᠍ᠯᠡᠰ᠎ᠤᠨ ᠲᠥᠪᠯᠡᠷᠡᠭᠰᠡᠨ ᠪᠥᠯᠬᠦᠮ》᠎ᠢ ᠪᠥᠲᠦᠭᠡᠨ ᠪᠠᠢ᠌ᠭᠤᠯᠬᠤ ᠪᠣᠯ ᠲᠦᠩᠯᠢᠶᠣᠣ ᠬᠣᠲᠠ ᠵᠢᠨ ᠨᠠᠮ᠎ᠤᠨ ᠬᠣᠷᠢᠶ᠎ᠡ᠂ ᠵᠠᠰᠠᠭ᠎ᠤᠨ ᠣᠷᠳᠣᠨ᠎ᠤ 《8337》 ᠬᠥᠭᠵᠢᠯᠲᠡ ᠵᠢᠨ ᠰᠡᠳᠬᠢᠮᠵᠢ ᠵᠢ ᠪᠥᠬᠦ ᠲᠠᠯ᠎ᠠ᠎ᠪᠠᠷ ᠲᠤᠤᠱᠯᠠᠭᠤᠯᠵᠤ᠂ ᠡᠬᠢ ᠪᠠᠶᠠᠯᠢᠭ᠎ᠤᠨ ᠲᠥᠷᠥᠯᠬᠢ ᠨᠥᠬᠦᠴᠡᠯ᠂ ᠣᠷᠣᠨ ᠪᠠᠢ᠌ᠷᠢ ᠵᠢᠨ ᠳᠠᠪᠠᠭᠤᠯᠢᠭ᠂ ᠪᠠᠢ᠌ᠭ᠋ᠠᠯᠢ ᠵᠢᠨ ᠣᠷᠴᠢᠨ ᠲᠣᠭᠣᠷᠢᠨ᠂ ᠠᠵᠤ ᠦᠢ᠍ᠯᠡᠰ᠎ᠤᠨ ᠪᠠᠢ᠌ᠷᠢᠰᠢᠭᠤᠯᠤᠯ᠎ᠳᠠᠭᠠᠨ ᠲᠦᠰᠢᠭᠯᠡᠵᠦ ᠵᠢᠷᠤᠭᠯᠠᠭᠰᠠᠨ ᠨᠢᠭᠡᠨ ᠠᠤᠭ᠎ᠠ ᠶᠡᠬᠡ ᠲᠥᠰᠥᠪ ᠪᠣᠯᠬᠤ ᠶᠤᠮ᠃ ᠡᠨᠡᠬᠦ ᠲᠥᠰᠥᠪ᠎ᠤᠨ ᠪᠤᠲᠠᠲᠠᠢ ᠠᠭᠤᠯᠭ᠎ᠠ ᠪᠣᠯ᠄ ᠬᠣᠢ᠌ᠲᠤ ᠬᠡᠰᠡᠭ᠎ᠲᠡᠭᠡᠨ ᠬᠣᠣᠯᠢᠨ ᠭᠣᠣᠯ ᠬᠣᠲᠠ᠂ ᠵᠠᠷᠤᠳ ᠬᠣᠰᠢᠭᠤ᠎ᠪᠠᠷ ᠭᠣᠣᠯᠳᠠᠯᠭ᠎ᠠ ᠪᠣᠯᠭ᠋ᠠᠨ᠂ ᠳᠠᠪᠠᠭᠤᠯᠢᠭ ᠵᠶ᠋ᠠᠨ ᠪᠠᠳᠠᠷᠠᠭᠤᠯᠵᠤ ᠡᠷᠬᠢᠨ ᠲᠣᠭᠣᠷᠢᠨ᠎ᠤ ᠭᠠᠵᠠᠷ ᠣᠷᠣᠨ᠎ᠤ ᠨᠡᠭᠦᠷᠡᠰᠦ᠂ ᠴᠠᠬᠢᠯᠭ᠋ᠠᠨ ᠬᠦᠴᠦᠨ ᠵᠡᠷᠭᠡ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ᠂ ᠬᠥᠩᠭᠡᠨᠴᠠᠭ᠋ᠠᠨ᠎ᠤ ᠰᠢᠨ᠎ᠡ ᠮᠠᠲᠸᠷᠢᠶᠠᠯ᠂ ᠣᠳᠣ ᠦᠶ᠎ᠡ ᠵᠢᠨ ᠨᠡᠭᠦᠷᠡᠰᠦᠨ᠎ᠤ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠲᠥᠪᠯᠡᠷᠡᠭᠰᠡᠨ ᠪᠥᠯᠬᠦᠮᠢ ᠪᠥᠲᠦᠭᠡᠨ ᠪᠠᠢ᠌ᠭᠤᠯᠵᠤ᠂ ᠨᠡᠭᠦᠷᠡᠰᠦ ᠴᠠᠬᠢᠯᠭ᠋ᠠᠨ ᠬᠥᠩᠭᠡᠨᠴᠠᠭ᠋ᠠᠨ᠂ ᠨᠡᠭᠦᠷᠡᠰᠦᠨ᠎ᠤ ᠬᠢᠮᠢ ᠵᠢᠨ ᠠᠵᠤ ᠦᠢ᠍ᠯᠡᠳᠪᠦᠷᠢ᠂ ᠰᠢᠨ᠎ᠡ ᠡᠨ᠋ᠸᠷᠭᠢ ᠵᠡᠷᠭᠡ ᠠᠵᠤ ᠦᠢ᠍ᠯᠡᠰ᠎ᠤᠨ ᠲᠥᠪᠯᠡᠷᠡᠨ ᠪᠥᠯᠬᠥᠮᠵᠢᠬᠦ᠂ ᠳᠡᠭᠡᠳᠦ ᠳᠡᠰ᠎ᠵᠢᠨ ᠬᠥᠭᠵᠢᠬᠦ ᠵᠢ ᠲᠦᠯᠬᠢᠨ ᠠᠬᠢᠭᠤᠯᠤᠨ᠎ᠠ᠃ ᠬᠥᠩᠭᠡᠨᠴᠠᠭ᠋ᠠᠨ᠎ᠤ ᠰᠢᠨ᠎ᠡ ᠮᠠᠲᠸᠷᠢᠶᠠᠯ᠎ᠢ ᠬᠠᠯᠠᠭᠤᠨ᠎ᠢ ᠳᠠᠮᠵᠢᠭᠤᠯᠬᠤ᠂ ᠮᠠᠰᠢᠨ ᠲᠡᠷᠭᠡᠨ᠎ᠤ ᠲᠣᠨᠣᠭᠯᠠᠭ᠋ᠠᠰᠤ᠂ ᠵᠢᠮᠲᠣ ᠵᠠᠮ ᠬᠠᠷᠢᠯᠴᠠᠭ᠋ᠠᠨ᠎ᠳᠤ ᠬᠡᠷᠡᠭᠯᠡᠬᠦ ᠮᠠᠲᠸᠷᠢᠶᠠᠯ ᠪᠣᠯᠣᠨ ᠬᠣᠣᠰ ᠲᠡᠭ ᠪᠥᠬᠦᠢ ᠬᠥᠩᠭᠡᠨᠴᠠᠭ᠋ᠠᠨ᠎ᠤ ᠢᠯᠳᠠᠰᠦ᠂ ᠢᠰᠦᠯᠳᠦᠭᠦᠯᠦᠭᠰᠡᠨ ᠬᠥᠩᠭᠡᠨᠴᠠᠭ᠋ᠠᠨ᠎ᠤ ᠢᠯᠳᠠᠰᠦ ᠵᠡᠷᠭᠡ ᠳᠡᠭᠡᠳᠦ ᠳᠡᠰ᠎ᠤᠨ ᠦᠢ᠍ᠯᠡᠳᠬᠦᠨ᠎ᠤ ᠴᠢᠭᠯᠡᠯ ᠲᠡᠰᠢ ᠬᠥᠭᠵᠢᠭᠦᠯᠦᠨ᠎ᠡ; ᠨᠡᠭᠦᠷᠡᠰᠦᠨ᠎ᠤ ᠬᠢᠮᠢ ᠵᠢᠨ ᠠᠵᠤ ᠦᠢ᠍ᠯᠡᠳᠪᠦᠷᠢ ᠵᠢ ᠴᠢᠯᠠᠭᠤᠨ ᠲᠣᠰᠣᠨ᠎ᠤ ᠣᠷᠣᠯᠠᠬᠤ ᠡᠳ᠋᠂ ᠡᠲ᠋ᠢᠯ ᠠᠯᠺᠣᠣᠯ᠎ᠤᠨ ᠰᠡᠭᠦᠯᠴᠢ ᠵᠢᠨ ᠦᠢ᠍ᠯᠡᠳᠬᠦᠨ ᠵᠡᠷᠭᠡ ᠨᠠᠷᠢᠯᠠᠭ ᠬᠢᠮᠢ ᠵᠢᠨ ᠠᠵᠤ ᠦᠢ᠍ᠯᠡᠳᠪᠦᠷᠢ ᠵᠢᠨ ᠦᠢ᠍ᠯᠡᠳᠬᠦᠨ ᠲᠡᠰᠢ ᠬᠥᠭᠵᠢᠭᠦᠯᠦᠨ᠎ᠡ᠃ ᠬᠥᠩᠭᠡᠨᠴᠠᠭ᠋ᠠᠨ᠎ᠤ ᠰᠢᠨ᠎ᠡ ᠮᠠᠲᠸᠷᠢᠶᠠᠯ᠎ᠤᠨ ᠲᠣᠮᠣ ᠬᠡᠯᠪᠡᠷᠢ ᠵᠢᠨ ᠰᠠᠭᠤᠷᠢᠨ ᠭᠠᠵᠠᠷ᠂ ᠣᠳᠣ ᠦᠶ᠎ᠡ ᠵᠢᠨ ᠨᠡᠭᠦᠷᠡᠰᠦᠨ᠎ᠤ ᠬᠢᠮᠢ ᠵᠢᠨ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠪᠥᠬᠦ ᠲᠠᠯ᠎ᠠ᠎ᠪᠠᠷ ᠪᠥᠲᠦᠭᠡᠨ ᠪᠠᠢ᠌ᠭᠤᠯᠵᠤ᠂ ᠥᠪᠥᠷ ᠮᠣᠩᠭᠣᠯ᠎ᠤᠨ ᠵᠡᠭᠦᠨ ᠬᠡᠰᠡᠭ ᠭᠠᠵᠠᠷ ᠣᠷᠣᠨ᠎ᠢ ᠨᠥᠯᠦᠭᠡᠯᠡᠨ ᠳᠠᠢ᠌ᠴᠢᠯᠠᠭᠰᠠᠨ᠂ ᠣᠷᠣᠰ ᠮᠣᠩᠭᠣᠯ᠎ᠯᠤᠭ᠎ᠠ ᠵᠠᠯᠭ᠋ᠠᠭᠤᠯᠤᠭᠰᠠᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠬᠣᠷᠰᠢᠯᠴᠠᠭ᠋ᠠᠨ᠎ᠤ ᠣᠷᠣᠨ᠎ᠢ ᠪᠣᠢ ᠪᠣᠯᠭ᠋ᠠᠨ᠎ᠠ᠃ ᠳᠤᠮᠳᠠᠳᠤ ᠬᠡᠰᠡᠭ᠎ᠲᠡᠭᠡᠨ ᠬᠣᠷᠴᠢᠨ ᠲᠣᠭᠣᠷᠢᠭ᠂ ᠨᠡᠬᠡᠬᠡᠯᠲᠡ ᠵᠢᠨ ᠲᠣᠭᠣᠷᠢᠭ᠂ ᠺᠠᠢ᠌ᠯᠤ ᠰᠢᠶᠠᠨ ᠵᠶ᠋ᠠᠷ ᠭᠣᠣᠯᠳᠠᠯᠭ᠎ᠠ ᠪᠣᠯᠭ᠋ᠠᠨ᠂ ᠭᠣᠣᠯ ᠬᠣᠲᠠ ᠲᠤᠭᠤᠷᠢᠭ᠎ᠤᠨ ᠴᠢᠳᠠᠪᠤᠷᠢᠲᠠᠨ᠂ ᠪᠡᠯᠡ ᠮᠥᠩᠭᠦ᠂ ᠮᠡᠷᠭᠡᠵᠢᠯ ᠵᠡᠷᠭᠡ ᠴᠢᠬᠤᠯᠡ ᠬᠦᠴᠦᠨ ᠵᠦᠢ᠍ᠯ᠎ᠢ ᠰᠢᠩᠭᠡᠭᠡᠨ ᠠᠪᠬᠤ ᠴᠢᠳᠠᠪᠤᠷᠢ ᠪᠠ ᠬᠤᠷᠠᠭᠤᠯᠬᠤ ᠳᠠᠪᠠᠭᠤᠯᠢᠭ᠎ᠲᠤ ᠲᠦᠰᠢᠭᠯᠡᠨ᠂ ᠡᠷᠳᠡᠨᠢ ᠰᠢᠰᠢ ᠵᠢᠨ ᠠᠮᠢᠳᠤ ᠪᠤᠳᠠᠰ᠂ ᠣᠳᠣ ᠦᠶ᠎ᠡ ᠵᠢᠨ ᠮᠤᠩᠭᠤᠯ ᠡᠮ᠂ ᠰᠢᠨ᠎ᠡ ᠮᠠᠲᠸᠷᠢᠶᠠᠯ᠂ ᠰᠢᠨ᠎ᠡ ᠬᠡᠯᠪᠡᠷᠢ ᠵᠢᠨ ᠪᠠᠷᠢᠯᠭ᠎ᠠ ᠵᠢᠨ ᠮᠠᠲᠸᠷᠢᠶᠠᠯ᠂ ᠲᠣᠨᠣᠭ ᠲᠥᠬᠦᠭᠡᠷᠦᠮᠵᠢ ᠦᠢ᠍ᠯᠡᠳᠬᠦ ᠵᠡᠷᠭᠡ ᠠᠵᠤ ᠦᠢ᠍ᠯᠡᠰ᠎ᠤᠨ ᠲᠥᠪᠯᠡᠷᠡᠭᠰᠡᠨ ᠪᠥᠯᠬᠦᠮᠢ ᠪᠠᠢ᠌ᠭᠤᠯᠤᠨ᠎ᠠ᠃ ᠡᠮᠦᠨᠡᠲᠦ ᠬᠡᠰᠡᠭ᠎ᠲᠡᠭᠡᠨ ᠬᠣᠷᠴᠢᠨ ᠵᠡᠭᠦᠨ ᠭᠠᠷᠤᠨ ᠳᠤᠮᠳᠠᠲᠤ ᠬᠣᠰᠢᠭᠤ᠂ ᠬᠣᠷᠴᠢᠨ ᠵᠡᠭᠦᠨ ᠭᠠᠷᠤᠨ ᠬᠣᠢ᠌ᠲᠤ ᠬᠣᠰᠢᠭᠤ᠂ ᠬᠦᠷᠢᠶ᠎ᠡ ᠬᠣᠰᠢᠭᠤ᠂ ᠨᠠᠢ᠍ᠮᠠᠨ ᠬᠣᠰᠢᠭᠤ᠎ᠪᠠᠷ ᠭᠣᠣᠯᠳᠠᠯᠭ᠎ᠠ ᠪᠣᠯᠭ᠋ᠠᠨ᠂ ᠵᠡᠭᠦᠨ ᠬᠣᠢ᠌ᠲᠤ ᠵᠢᠨ ᠭᠤᠷᠪᠠᠨ ᠮᠤᠵᠢ᠎ᠯᠤᠭ᠎ᠠ ᠵᠠᠯᠭ᠋ᠠᠯᠳᠤᠭᠰᠠᠨ ᠭᠠᠵᠠᠷ ᠣᠷᠣᠨ᠎ᠤ ᠳᠠᠪᠠᠭᠤᠯᠢᠭ ᠪᠥᠬᠦᠢ ᠠᠵᠤ ᠦᠢ᠍ᠯᠡᠰ ᠪᠠ ᠳᠡᠭᠡᠳᠦ ᠳᠡᠰ᠎ᠤᠨ ᠴᠢᠬᠤᠯᠡ ᠬᠦᠴᠦᠨ ᠵᠦᠢ᠍ᠯ᠎ᠳᠤ ᠨᠡᠢ᠌ᠯᠡᠵᠦ᠂ ᠲᠤᠨᠤᠭ ᠲᠥᠬᠦᠭᠡᠷᠦᠮᠵᠢ ᠦᠢ᠍ᠯᠡᠳᠬᠦ᠂ ᠪᠣᠬᠢᠷᠳᠤᠯ ᠦᠭᠡᠢ ᠢᠳᠡᠭᠡᠨ ᠡᠳ᠋ᠰᠢᠭᠦᠯᠬᠦ᠂ ᠰᠢᠨ᠎ᠡ ᠬᠡᠯᠪᠡᠷᠢ ᠵᠢᠨ ᠣᠨᠴᠠ ᠲᠥᠷᠥᠯ᠎ᠤᠨ ᠪᠣᠯᠣᠳ ᠵᠡᠷᠭᠡ ᠠᠵᠤ ᠦᠢ᠍ᠯᠡᠰ᠎ᠤᠨ ᠲᠥᠪᠯᠡᠷᠡᠭᠰᠡᠨ ᠪᠥᠯᠬᠦᠮᠢ ᠪᠠᠢ᠌ᠭᠤᠯᠤᠨ᠎ᠠ᠃
《ᠭᠤᠷᠪᠠᠨ ᠲᠣᠮᠣ ᠠᠵᠤ ᠦᠢ᠍ᠯᠡᠰ᠎ᠤᠨ ᠲᠥᠪᠯᠡᠷᠡᠭᠰᠡᠨ ᠪᠥᠯᠬᠦᠮ》᠎ᠳᠤ ᠲᠦᠩᠯᠢᠶᠣᠣ ᠣᠷᠣᠨ ᠭᠣᠣᠯᠯᠠᠬᠤ ᠦᠢ᠍ᠯᠡᠰ᠎ᠤᠨ ᠴᠢᠳᠠᠪᠬᠢ ᠵᠢᠨ ᠣᠷᠣᠨ ᠲᠣᠭᠲᠠᠭ᠋ᠠᠯᠲᠠ ᠵᠢ ᠲᠣᠳᠣᠷᠬᠠᠢ᠌ᠯᠠᠨ᠂ ᠦᠢ᠍ᠯᠡᠳᠪᠦᠷᠢᠯᠡᠯ᠎ᠤᠨ ᠴᠢᠬᠤᠯᠡ ᠬᠦᠴᠦᠨ ᠵᠦᠢ᠍ᠯ᠎ᠤᠨ ᠳᠠᠪᠠᠭᠤᠯᠢᠭ ᠭᠠᠵᠠᠷ ᠣᠷᠣᠨ ᠲᠡᠰᠢ ᠲᠥᠪᠯᠡᠷᠡᠬᠦ ᠵᠢ ᠠᠬᠢᠭᠤᠯᠵᠤ᠂ ᠠᠵᠤ ᠦᠢ᠍ᠯᠡᠰ᠎ᠤᠨ ᠬᠡᠯᠬᠢᠶ᠎ᠡ ᠵᠢᠨ ᠠᠭᠤᠯᠤᠭᠳᠠᠬᠤᠨ᠎ᠢ ᠳᠡᠭᠡᠭᠰᠢᠯᠡᠭᠦᠯᠬᠦ᠎ᠪᠠᠷ ᠳᠠᠮᠵᠢᠭᠤᠯᠤᠨ᠂ ᠵᠦᠷᠢᠶᠡᠴᠢᠯᠡᠭᠰᠡᠨ ᠥᠷᠢᠰᠦᠯᠳᠦᠭᠡᠨ᠎ᠤ ᠳᠠᠪᠠᠭᠤᠯᠢᠭ᠎ᠢ ᠳᠣᠪᠣᠢ᠌ᠯᠭ᠋ᠠᠨ᠂ ᠲᠦᠩᠯᠢᠶᠣᠣ ᠵᠢᠨ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠭᠣᠣᠯ ᠥᠷᠢᠰᠦᠯᠳᠦᠬᠦ ᠴᠢᠳᠠᠯ᠎ᠢ ᠨᠡᠮᠡᠭᠳᠡᠭᠦᠯᠪᠡ᠃
[ᠬᠦᠲᠦᠯᠦᠭᠴᠢ] ᠠᠵᠤ ᠦᠢ᠍ᠯᠡᠰ᠎ᠤᠨ ᠪᠦᠲᠦᠴᠡ ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠬᠡᠷᠭᠢᠨ ᠲᠦᠯᠬᠢᠨ ᠠᠬᠢᠭᠤᠯᠬᠤ ᠪᠤᠢ?
[ᠸᠠᠨᠭ᠌ ᠴᠢᠶᠦ᠋ᠨᠭ] ᠠᠵᠤ ᠦᠢ᠍ᠯᠡᠰ᠎ᠤᠨ ᠪᠦᠲᠦᠴᠡ ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠲᠦᠯᠬᠢᠨ ᠠᠬᠢᠭᠤᠯᠬᠤ᠎ᠳᠤ ᠳᠤᠤᠷᠠᠬᠢ ᠭᠤᠷᠪᠠᠨ ᠲᠠᠯ᠎ᠠ ᠵᠢᠨ ᠠᠵᠢᠯ᠎ᠢ ᠰᠠᠢ᠌ᠲᠤᠷ ᠬᠢᠬᠦ ᠬᠡᠷᠡᠭᠲᠠᠢ᠄
ᠨᠢᠭᠡᠳᠦᠭᠡᠷ᠎ᠲᠤ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠲᠦᠯᠬᠢᠨ ᠠᠬᠢᠭᠤᠯᠬᠤ᠎ᠳᠤ᠂ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠠᠨᠭ᠌ᠬᠢᠯᠠᠭ᠎ᠠ ᠪᠤᠯᠤᠨ᠎ᠠ᠃ ᠡᠨᠡ ᠵᠢᠯ᠂ ᠲᠦᠨᠭᠯᠢᠶᠤᠤ ᠬᠤᠲᠠ ᠵᠢᠨ ᠯᠢᠶᠠᠨ ᠬᠦᠨᠭᠭᠡᠨᠴᠠᠭ᠋ᠠᠨ ᠬᠠᠪᠲᠠᠰᠤ ᠪᠦᠰᠡ ᠢᠯᠳᠠᠰᠤ᠂ ᠴᠤᠸᠠᠨᠭ᠌ ᠶᠤᠸᠠᠨ ᠦᠨᠳᠦᠷ ᠬᠦᠴᠦᠯᠡᠴᠡᠲᠦ ᠤᠶᠠᠨ ᠬᠦᠨᠭᠭᠡᠨᠴᠡᠭ᠋ᠠᠨᠤ ᠬᠠᠢ᠌ᠯᠤᠰᠢ᠂ ᠯᠢᠶᠠᠨ ᠮᠤᠤ ᠬᠦᠨᠭᠭᠡᠨᠴᠠᠭ᠋ᠠᠨ ᠬᠠᠪᠲᠠᠰᠤ ᠪᠦᠰᠡ ᠢᠯᠳᠠᠰᠤ ᠬᠢᠭᠡᠳ ᠬᠤᠤᠰ ᠲᠡᠭ᠎ᠲᠠᠢ ᠢᠯᠳᠠᠰᠤ᠂ ᠺᠠᠨᠭ᠌ ᠨᠠᠢ ᠡᠯ ᠡᠲ᠋ᠢᠯ ᠬᠤᠶᠠᠷᠴᠢ ᠠᠯᠺᠤᠤᠯ ᠵᠡᠷᠭᠡ ᠴᠢᠬᠤᠯᠠ ᠶᠡᠬᠡ ᠲᠦᠷᠦᠯ ᠵᠦᠢ᠍ᠯ᠎ᠳᠤ ᠭᠤᠤᠯᠳᠠᠯᠭ᠎ᠠ᠎ᠲᠠᠢ ᠲᠦᠯᠬᠢᠨ ᠠᠬᠢᠭᠤᠯᠬᠤ ᠵᠢ ᠬᠡᠷᠡᠭᠵᠢᠬᠦᠯᠵᠤ᠂ ᠬᠠᠷᠢᠭᠤᠴᠠᠯᠭ᠋ᠠᠲᠤ ᠨᠢᠭᠡᠴᠡ ᠵᠢ ᠲᠤᠲᠤᠷᠬᠠᠢ᠌ᠯᠠᠨ᠂ ᠪᠤᠳᠠᠲᠠᠢ ᠬᠠᠷᠢᠭᠤᠴᠠᠯᠭ᠎ᠠ᠎ᠲᠠᠢ ᠬᠦᠮᠦᠰ᠎ᠢ ᠲᠤᠭᠲᠠᠭ᠋ᠠᠵᠤ᠂ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠴᠠᠭ ᠬᠤᠭᠤᠴᠠᠭ᠎ᠠ᠂ ᠠᠬᠢᠴᠠ᠂ ᠪᠡᠯᠡ ᠮᠦᠨᠭᠭᠦ ᠵᠡᠷᠭᠡ ᠵᠠᠨᠭ᠌ᠬᠢᠯᠠᠭ᠎ᠠ ᠵᠢᠨ ᠴᠢᠭ᠋᠎ᠢ ᠴᠢᠨᠭᠭ᠎ᠠ ᠪᠠᠷᠢᠨ᠂ ᠡᠮᠦᠨᠡᠬᠢ ᠬᠤᠭᠤᠴᠠᠭ᠎ᠠ᠂ ᠠᠵᠢᠯ ᠡᠬᠢᠯᠡᠬᠦᠯᠬᠦ᠂ ᠪᠦᠲᠦᠭᠡᠨ ᠪᠠᠢ᠌ᠭᠤᠯᠬᠤ᠂ ᠠᠰᠢᠭᠯᠠᠯᠲᠠ᠎ᠳᠤ ᠤᠷᠤᠭᠤᠯᠬᠤ ᠵᠡᠷᠭᠡ ᠲᠠᠯ᠎ᠠ᠎ᠠᠴᠠ ᠪᠦᠬᠦ ᠶᠠᠪᠤᠴᠠ᠎ᠳᠤ᠎ᠨᠢ ᠮᠦᠷᠳᠡᠨ ᠳᠠᠭ᠋ᠠᠵᠤ᠂ ᠲᠦᠷᠦᠯ ᠵᠦᠢ᠍ᠯ᠎ᠤᠨ ᠪᠡᠯᠡ ᠤᠷᠤᠭᠤᠯᠤᠯᠲᠠ᠎ᠳᠤ ᠪᠦᠬᠦ ᠬᠦᠴᠦᠨ ᠵᠶ᠋ᠠᠷ ᠵᠶ᠋ᠠᠨ ᠨᠦᠬᠦᠴᠡᠯ ᠪᠦᠷᠢᠯᠳᠦᠬᠦᠯᠦᠨ᠂ ᠲᠤᠭᠲᠠᠭᠰᠠᠨ ᠴᠠᠭ᠎ᠲᠠᠭᠠᠨ ᠪᠤᠶᠤ ᠤᠷᠢᠳᠴᠢᠯᠠᠨ ᠠᠵᠢᠯ ᠳᠠᠭᠤᠰᠬᠠᠨ ᠠᠰᠢᠭᠯᠠᠯᠲᠠ᠎ᠳᠤ ᠤᠷᠤᠭᠤᠯᠬᠤ ᠵᠢ ᠦᠨᠡᠨᠬᠦ ᠪᠠᠲᠤᠯᠠᠵᠤ᠂ ᠠᠵᠤ ᠠᠬᠤᠢ ᠵᠢᠨ ᠰᠢᠨ᠎ᠡ ᠨᠡᠮᠡᠭᠳᠡᠯ᠎ᠤᠨ ᠴᠢᠭ᠋᠎ᠢ ᠲᠦᠷᠭᠡᠳᠭᠡᠨ ᠪᠤᠢ ᠪᠤᠯᠭ᠋ᠠᠨ᠎ᠠ᠃
ᠬᠤᠶᠠᠳᠤᠭ᠋ᠠᠷ᠎ᠲᠤ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠲᠦᠯᠬᠢᠨ ᠠᠬᠢᠭᠤᠯᠬᠤ᠎ᠳᠤ᠂ ᠪᠤᠬᠢᠷᠳᠤᠯ ᠦᠭᠡᠢ ᠬᠦᠭᠵᠢᠬᠦᠯᠬᠦ ᠪᠤᠯ ᠴᠢᠭᠯᠡᠯ ᠪᠤᠯᠤᠨ᠎ᠠ᠃ ᠲᠦᠨᠭᠯᠢᠶᠤᠤ ᠬᠤᠲᠠ ᠮᠸᠨᠭ ᠳ᠋ᠦᠨᠭ ᠡᠨ᠋ᠸᠷᠬᠢ ᠵᠢᠨ ᠤᠷᠴᠢᠯ ᠠᠵᠤ ᠠᠬᠤᠢ ᠵᠢᠨ ᠵᠢᠱ᠌ᠢᠶ᠎ᠡ ᠦᠵᠡᠬᠦᠯᠬᠦ ᠢᠨᠵᠸᠨ᠋ᠸᠷᠢᠨᠭ᠎ᠳᠤ ᠲᠦᠰᠢᠭᠯᠡᠨ᠂ ᠤᠷᠤᠨ ᠪᠦᠰᠡ ᠵᠢᠨ ᠪᠢᠴᠢᠯ ᠴᠠᠬᠢᠯᠭ᠋ᠠᠨ ᠲᠤᠤᠷ᠎ᠤᠨ ᠢᠨᠵᠸᠨ᠋ᠸᠷᠢᠨᠭ᠂ ᠲᠤᠮᠤ ᠬᠡᠷᠡᠭᠯᠡᠭᠴᠢᠳ᠎ᠲᠤ ᠰᠢᠭᠤᠳ ᠴᠠᠬᠢᠯᠭ᠋ᠠᠨ ᠬᠠᠨᠭ᠌ᠭ᠋ᠠᠬᠤ ᠲᠦᠷᠦ ᠵᠢᠨ ᠪᠤᠳᠤᠯᠭ᠎ᠠ ᠵᠢ ᠬᠦᠢ᠍ᠴᠡᠳ ᠠᠰᠢᠭᠯᠠᠵᠤ᠂ ᠨᠡᠭᠦᠷᠡᠰᠦ ᠴᠠᠬᠢᠯᠭ᠋ᠠᠨ ᠬᠦᠨᠭᠭᠡᠨᠴᠠᠭ᠋ᠠᠨ ᠵᠡᠷᠭᠡ ᠡᠨ᠋ᠸᠷᠬᠢ ᠶᠡᠬᠡ ᠵᠠᠷᠤᠴᠠᠭᠤᠯᠵᠤ ᠪᠠᠢ᠌ᠭ᠎ᠠ ᠠᠵᠤ ᠦᠢ᠍ᠯᠡᠰ᠎ᠤᠨ ᠳᠤᠤᠷ᠎ᠠ ᠨᠡᠭᠦᠷᠠᠰᠤᠳᠦ᠋ᠷᠦᠭᠴᠢᠲᠠᠢᠪᠠᠷ ᠤᠷᠴᠢᠯᠳᠤᠭᠤᠯᠤᠨ ᠬᠦᠭᠵᠢᠬᠦᠯᠬᠦ ᠵᠢ ᠲᠦᠯᠬᠢᠨ ᠠᠬᠢᠭᠤᠯᠵᠤ᠂ ᠬᠦᠨᠭᠭᠡᠨᠴᠠᠭ᠋ᠠᠨᠤ ᠰᠢᠨ᠎ᠡ ᠮᠠᠲᠸᠷᠢᠶᠠᠯ᠎ᠤᠨ ᠦᠢ᠍ᠯᠡᠳᠭᠦᠨ᠎ᠢ ᠠᠨᠭ᠌ᠬᠠᠨ᠎ᠤ ᠳᠡᠰ᠎ᠤᠨ ᠡᠳ᠋ᠰᠢᠬᠦᠯᠬᠡᠠᠴᠠ ᠬᠦᠨᠵᠡᠬᠡᠢ ᠨᠠᠷᠢᠯᠢᠭ ᠡᠳ᠋ᠰᠢᠭᠦᠯᠬᠦ ᠲᠠᠰ᠎ᠢ ᠬᠡᠯᠪᠡᠷᠢ ᠵᠢ᠎ᠨᠢ ᠬᠤᠪᠢᠷᠠᠭᠤᠯᠵᠤ᠂ ᠬᠦᠨᠭᠭᠡᠨᠴᠠᠭ᠋ᠠᠨᠤ ᠰᠢᠨ᠎ᠡ ᠮᠠᠲᠸᠷᠢᠶᠠᠯ᠎ᠤᠨ ᠠᠵᠤ ᠦᠢ᠍ᠯᠡᠰ᠎ᠤᠨ ᠬᠦᠨᠵᠡᠭᠡᠢ ᠨᠠᠷᠢᠯᠢᠭᠵᠢᠭᠤᠯᠤᠯᠲᠠ᠂ ᠦᠨᠳᠦᠷ ᠳᠡᠰᠵᠢᠬᠦᠯᠦᠯᠲᠡ᠂ ᠰᠢᠨ᠎ᠡ ᠬᠡᠯᠪᠡᠷᠢᠵᠢᠭᠦᠯᠦᠯᠲᠡ ᠲᠡᠰᠢ ᠬᠦᠭᠵᠢᠬᠦ ᠵᠢ ᠪᠡᠶᠡᠯᠡᠭᠦᠯᠦᠨ᠎ᠡ᠃ ᠡᠷᠳᠡᠨᠢ ᠰᠢᠰᠢ ᠵᠢᠨ ᠠᠮᠢᠳᠤ ᠪᠤᠳᠠᠰ᠎ᠤᠨ ᠠᠵᠤ ᠦᠢ᠍ᠯᠡᠰ᠎ᠲᠤ ᠬᠡᠯᠬᠢᠶ᠎ᠡ ᠵᠢ ᠤᠷᠲᠤᠳᠬᠠᠬᠤ᠂ ᠴᠢᠨᠠᠷ᠎ᠢ ᠳᠡᠭᠡᠭᠰᠢᠯᠡᠬᠦᠯᠦᠨ ᠦᠷ᠎ᠡ ᠠᠰᠢᠭ᠎ᠢ ᠨᠡᠮᠡᠭᠳᠡᠬᠦᠯᠬᠦ᠎ᠪᠠᠷ ᠭᠤᠤᠯ ᠳᠠᠭ᠋ᠠᠷᠢᠬᠤ ᠴᠢᠭᠯᠡᠯ ᠪᠤᠯᠭ᠋ᠠᠨ᠂ ᠡᠷᠳᠡᠨᠢ ᠰᠢᠰᠢ ᠵᠢᠨ ᠡᠬᠢ ᠪᠠᠶᠠᠯᠢᠭ᠎ᠢ ᠦᠨᠳᠦᠷ ᠦᠷ᠎ᠡ ᠠᠰᠢᠭᠲᠠᠢ᠂ ᠡᠷᠬᠢᠯᠳᠦᠭᠦᠯᠦᠨ ᠠᠰᠢᠭᠯᠠᠬᠤ ᠵᠢ ᠴᠢᠷᠮᠠᠢ᠌ᠨ ᠲᠦᠯᠬᠢᠨ ᠠᠬᠢᠭᠤᠯᠤᠨ᠎ᠠ᠃ ᠪᠤᠬᠢᠷᠳᠤᠯ ᠦᠭᠡᠢ ᠲᠠᠷᠢᠶᠠᠯᠠᠨᠭ᠌ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠭᠦᠨ ᠵᠢ ᠡᠳ᠋ᠰᠢᠬᠦᠯᠬᠦ ᠠᠵᠤ ᠦᠢ᠍ᠯᠡᠰ᠎ᠢ ᠲᠠᠷᠢᠶᠠᠯᠠᠨᠭ᠌ ᠮᠠᠯ ᠠᠵᠤ ᠠᠬᠤᠢ ᠵᠢᠨ ᠡᠯᠪᠡᠭ ᠪᠠᠶᠠᠯᠢᠭ ᠡᠬᠢ ᠪᠠᠶᠠᠯᠢᠭ ᠵᠶ᠋ᠠᠷ ᠲᠦᠰᠢᠭ ᠪᠤᠯᠭ᠋ᠠᠨ᠂ ᠨᠠᠷᠢᠯᠢᠭ ᠬᠦᠨᠵᠡᠭᠡᠢ ᠡᠳ᠋ᠰᠢᠭᠦᠯᠬᠦ ᠠᠵᠤ ᠦᠢ᠍ᠯᠡᠰ᠎ᠤᠨ ᠬᠡᠯᠬᠢᠶ᠎ᠡ ᠵᠢ᠎ᠨᠢ ᠤᠷᠲᠤᠳᠬᠠᠨ ᠦᠷᠭᠡᠵᠢᠬᠦᠯᠵᠤ᠂ ᠲᠦᠷᠦᠯ ᠲᠡᠮᠳᠡᠭ ᠪᠤᠢ᠌ᠵᠢᠭᠤᠯᠬᠤ ᠵᠢ ᠴᠢᠨᠭ᠌ᠭ᠋ᠠᠷᠠᠭᠤᠯᠤᠨ᠂ ᠪᠤᠬᠢᠷᠳᠤᠯ ᠦᠭᠡᠢ ᠢᠳᠡᠭᠡᠨ ᠡᠳ᠋ᠰᠢᠭᠦᠯᠬᠦ ᠠᠵᠤ ᠦᠢ᠍ᠯᠡᠰ᠎ᠤᠨ ᠦᠨᠳᠦᠷ ᠨᠡᠮᠡᠯᠲᠡ ᠦᠷᠲᠡᠭ᠎ᠲᠠᠢ᠂ ᠠᠵᠤ ᠦᠢ᠍ᠯᠡᠰᠴᠢᠯᠡᠬᠦ ᠲᠡᠰᠢ ᠬᠦᠭᠵᠢᠬᠦ ᠵᠢ ᠲᠦᠯᠬᠢᠨ ᠠᠬᠢᠭᠤᠯᠤᠨ᠎ᠠ᠃ ᠤᠳᠤ ᠦᠶ᠎ᠡ ᠵᠢᠨ ᠨᠡᠭᠦᠷᠡᠰᠦᠨ᠎ᠤ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠲᠤ ᠨᠠᠷᠢᠯᠢᠭ ᠬᠦᠨᠵᠡᠭᠡᠢ ᠪᠤᠯᠪᠠᠰᠤᠷᠠᠭᠤᠯᠬᠤ᠂ ᠴᠤᠪᠤᠷᠠᠯ ᠦᠢ᠍ᠯᠡᠳᠭᠦᠨ ᠨᠡᠭᠡᠭᠡᠬᠦ ᠵᠠᠮ ᠵᠶ᠋ᠠᠷ ᠵᠠᠮᠨᠠᠭᠤᠯᠬᠤ ᠵᠢ ᠪᠠᠷᠢᠮᠲᠠᠯᠠᠨ᠂ ᠰᠢᠨ᠎ᠡ ᠵᠢ ᠡᠭᠦᠳᠴᠦ ᠬᠦᠭᠵᠢᠬᠦ ᠵᠢ ᠪᠡᠶᠡᠯᠡᠭᠦᠯᠦᠨ᠎ᠡ᠃ ᠰᠢᠨ᠎ᠡ ᠬᠡᠯᠪᠡᠷᠢ ᠵᠢᠨ ᠪᠠᠷᠢᠯᠭ᠎ᠠ ᠵᠢᠨ ᠮᠠᠲᠸᠷᠢᠶᠠᠯ᠎ᠤᠨ ᠠᠵᠤ ᠦᠢ᠍ᠯᠡᠰ᠎ᠲᠤ ᠴᠠᠬᠢᠭᠤᠷᠲᠤ ᠡᠯᠡᠰᠦ ᠵᠢᠨ ᠡᠨ᠋ᠸᠷᠬᠢ ᠵᠢ ᠶᠡᠷᠦᠨᠭᠭᠡᠢ᠌ᠯᠡᠨ ᠨᠡᠭᠡᠭᠡᠨ ᠠᠰᠢᠭᠯᠠᠬᠤ ᠵᠢ ᠴᠢᠨᠭ᠌ᠭ᠋ᠠᠳᠬᠠᠨ᠂ ᠪᠡᠶ᠎ᠡ᠎ᠪᠠᠨ ᠳᠠᠭ᠋ᠠᠭ᠋ᠠᠨ ᠰᠢᠨ᠎ᠡ ᠵᠢ ᠡᠭᠦᠳᠭᠦ ᠪᠠ ᠮᠡᠷᠭᠡᠵᠢᠯ ᠦᠭᠡᠷᠡᠴᠢᠯᠡᠯᠲᠡ ᠬᠢᠬᠦ ᠡᠷᠴᠢᠮ᠎ᠢ᠎ᠨᠢ ᠨᠡᠮᠡᠭᠳᠡᠭᠦᠯᠵᠤ᠂ ᠳᠡᠭᠡᠲᠦ ᠳᠡᠰ᠎ᠤᠨ ᠰᠢᠯ ᠰᠠᠭᠤᠷᠢ ᠬᠠᠪᠲᠠᠰᠤ ᠬᠢᠭᠡᠳ ᠹᠦ᠋ ᠱᠸᠨᠭ ᠡᠯᠡᠰᠦ᠂ ᠴᠢᠯᠠᠭᠤᠨ ᠲᠤᠰᠤᠨ᠎ᠤ ᠴᠠᠪᠠ ᠵᠢ ᠳᠠᠷᠤᠬᠤ ᠡᠯᠡᠰᠦ ᠵᠡᠷᠭᠡ ᠴᠠᠬᠢᠭᠤᠷᠲᠤ ᠡᠯᠡᠰᠦ ᠵᠢ ᠬᠦᠨᠵᠡᠭᠡᠢ ᠪᠤᠯᠪᠠᠰᠤᠷᠠᠭᠤᠯᠤᠭᠰᠠᠨ ᠦᠢ᠍ᠯᠡᠳᠭᠦᠨ᠎ᠢ ᠰᠤᠳᠤᠯᠤᠨ ᠨᠡᠭᠡᠭᠡᠵᠤ ᠦᠢ᠍ᠯᠡᠳᠪᠦᠷᠢᠯᠡᠨ᠎ᠡ᠃ ᠤᠳᠤ ᠦᠶ᠎ᠡ ᠵᠢᠨ ᠮᠤᠨᠭ᠌ᠭᠤᠯ ᠡᠮ᠎ᠤᠨ ᠠᠵᠤ ᠦᠢ᠍ᠯᠡᠰ᠎ᠤᠨ ᠲᠠᠯ᠎ᠠ᠎ᠪᠠᠷ ᠡᠬᠢ ᠪᠠᠶᠠᠯᠢᠭ᠎ᠢ ᠠᠭᠤᠳᠠᠯᠯᠠᠬᠤ᠎ᠪᠠᠷ ᠳᠠᠮᠵᠢᠭᠤᠯᠤᠨ᠂ ᠡᠳ᠋ ᠬᠦᠷᠦᠨᠭᠭᠡ ᠵᠢ ᠳᠠᠬᠢᠨ ᠵᠤᠬᠢᠶᠠᠨ ᠪᠠᠢ᠌ᠭᠤᠯᠵᠤ᠂ ᠰᠢᠨ᠎ᠡ ᠮᠡᠷᠭᠡᠵᠢᠯ᠂ ᠰᠢᠨ᠎ᠡ ᠤᠷᠠᠨ ᠲᠠᠷᠬ᠎ᠠ ᠵᠢ ᠢᠳᠡᠪᠬᠢᠲᠠᠢ ᠤᠷᠤᠭᠤᠯᠵᠤ ᠢᠷᠡᠨ᠂ ᠰᠢᠨ᠎ᠡ ᠲᠦᠷᠦᠯ ᠵᠦᠢ᠍ᠯ᠎ᠢ ᠨᠡᠭᠡᠭᠡᠵᠤ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠨᠭ ᠭᠠᠵᠠᠷ᠂ ᠡᠮᠴᠢᠯᠡᠬᠡᠨ᠎ᠤ ᠪᠠᠢ᠌ᠭᠤᠯᠤᠮᠵᠢ᠂ ᠦᠢ᠍ᠯᠡᠳᠪᠦᠷᠢᠯᠡᠬᠦ ᠠᠵᠤ ᠠᠬᠤᠢ᠌ᠯᠠᠯ ᠵᠶ᠋ᠠᠷ ᠦᠨᠳᠦᠰᠦᠨ ᠴᠢᠬᠤᠯᠠ ᠬᠦᠴᠦᠨ ᠵᠦᠢ᠍ᠯ ᠪᠤᠯᠭ᠋ᠠᠭᠰᠠᠨ ᠮᠤᠨᠭ᠌ᠭᠤᠯ ᠡᠮ᠎ᠤᠨ ᠠᠵᠤ ᠦᠢ᠍ᠯᠡᠰ᠎ᠤᠨ ᠪᠦᠭᠡᠮᠨᠡᠷᠡᠯ᠎ᠢ ᠪᠦᠬᠦ ᠲᠠᠯ᠎ᠠ᠎ᠪᠠᠷ ᠴᠤᠭᠴᠠᠯᠠᠨ ᠪᠠᠢ᠌ᠭᠤᠯᠤᠨ᠎ᠠ᠃ 2015 ᠤᠨ᠎ᠳᠤ᠂ ᠲᠦᠨᠭᠯᠢᠶᠤᠤ ᠬᠤᠲᠠ ᠬᠦᠨᠭᠭᠡᠨᠴᠠᠭ᠋ᠠᠨᠤ ᠠᠵᠤ ᠦᠢ᠍ᠯᠡᠳᠪᠦᠷᠢ ᠵᠢᠨ ᠰᠢᠨ᠎ᠡ ᠮᠠᠲᠸᠷᠢᠶᠠᠯ᠎ᠤᠨ ᠠᠵᠤ ᠦᠢ᠍ᠯᠡᠰ᠎ᠲᠤ ᠦᠢ᠍ᠯᠡᠳᠪᠦᠷᠢᠯᠡᠬᠦ ᠴᠢᠳᠠᠪᠤᠷᠢ 80 ᠲᠦᠮᠡᠨ ᠳᠤᠨ᠂ ᠦᠢ᠍ᠯᠡᠳᠭᠦᠨ 40 ᠵᠢ ᠰᠢᠨ᠎ᠡ᠎ᠪᠠᠷ ᠪᠤᠯᠪᠠᠰᠤᠷᠠᠭᠤᠯᠤᠨ ᠨᠡᠮᠡᠭᠳᠡᠭᠦᠯᠵᠤ᠂ ᠬᠦᠨᠭᠭᠡᠨᠴᠡᠭ᠋ᠠᠨᠢ ᠲᠤᠬᠠᠢ ᠵᠢᠨ ᠭᠠᠵᠠᠷ᠎ᠲᠤᠨᠢ ᠤᠯᠠᠷᠢᠭᠤᠯᠤᠨ ᠪᠤᠯᠪᠠᠰᠤᠷᠠᠭᠤᠯᠬᠤ ᠨᠤᠷᠮ᠎ᠠ ᠵᠢ 80%᠎ᠳᠤ ᠬᠦᠷᠦᠭᠦᠯᠦᠨ᠎ᠡ; ᠡᠷᠳᠡᠨᠢ ᠰᠢᠰᠢ ᠵᠢᠨ ᠠᠮᠢᠳᠤ ᠪᠤᠳᠠᠰ᠎ᠤᠨ ᠠᠵᠤ ᠦᠢ᠍ᠯᠡᠰ᠎ᠤᠨ ᠲᠠᠯ᠎ᠠ᠎ᠪᠠᠷ ᠠᠵᠤ ᠦᠢ᠍ᠯᠡᠰ᠎ᠤᠨ ᠬᠡᠯᠬᠢᠶ᠎ᠡ ᠵᠢ 5 ᠵᠤᠷᠪᠤᠰ᠂ ᠦᠢ᠍ᠯᠡᠳᠭᠦᠨ 30᠂ ᠴᠠᠷᠳᠠᠭᠤᠯ᠎ᠢ ᠬᠤᠪᠢᠷᠠᠭᠤᠯᠬᠤ ᠨᠤᠷᠮ᠎ᠠ ᠵᠢ 53%᠎ᠠᠴᠠ ᠳᠡᠭᠡᠭᠰᠢ ᠪᠠᠢ᠌ᠯᠭ᠋ᠠᠬᠤ ᠵᠢ ᠰᠢᠨ᠎ᠡ᠎ᠪᠠᠷ ᠨᠡᠮᠡᠭᠳᠡᠭᠦᠯᠦᠨ᠎ᠡ; ᠤᠳᠤ ᠦᠶ᠎ᠡ ᠵᠢᠨ ᠨᠡᠭᠦᠷᠡᠰᠦᠨ᠎ᠤ ᠬᠢᠮᠢ ᠵᠢᠨ ᠠᠵᠤ ᠦᠢ᠍ᠯᠡᠳᠪᠦᠷᠢ ᠵᠢᠨ ᠲᠠᠯ᠎ᠠ᠎ᠪᠠᠷ ᠠᠵᠤ ᠦᠢ᠍ᠯᠡᠰ᠎ᠤᠨ ᠬᠡᠯᠬᠢᠶ᠎ᠡ ᠵᠢ 5 ᠵᠤᠷᠪᠤᠰ ᠳᠠᠪᠠᠭᠤᠯᠬᠤ᠎ᠪᠠᠷ ᠴᠢᠷᠮᠠᠢ᠌ᠵᠤ᠂ ᠡᠲ᠋ᠢᠯ ᠬᠤᠶᠠᠷᠴᠢ ᠠᠯᠺᠤᠤᠯ᠎ᠤᠨ ᠦᠢ᠍ᠯᠡᠳᠪᠦᠷᠢᠯᠡᠬᠦ ᠴᠢᠳᠠᠪᠤᠷᠢ ᠵᠢ 30 ᠲᠦᠮᠡᠨ ᠳᠤᠨ ᠰᠢᠨ᠎ᠡ᠎ᠪᠠᠷ ᠨᠡᠮᠡᠭᠳᠡᠭᠦᠯᠦᠨ᠎ᠡ᠃
[ᠸᠠᠨᠭ᠌ ᠴᠢᠶᠦ᠋ᠨᠭ] ᠭᠤᠷᠪᠠᠳᠤᠭ᠋ᠠᠷ᠎ᠲᠤ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠲᠦᠯᠬᠢᠨ ᠠᠬᠢᠭᠤᠯᠬᠤ᠎ᠳᠤ᠂ ᠰᠢᠨ᠎ᠡ᠎ᠪᠠᠷ ᠪᠤᠢ ᠪᠤᠯᠤᠭᠰᠠᠨ ᠠᠵᠤ ᠦᠢ᠍ᠯᠡᠰ ᠪᠤᠯ ᠬᠦᠳᠡᠯᠭᠡᠬᠦᠷ ᠪᠤᠯᠤᠨ᠎ᠠ᠃ ᠰᠢᠨ᠎ᠡ᠎ᠪᠠᠷ ᠪᠤᠢ ᠪᠤᠯᠤᠭᠰᠠᠨ ᠠᠵᠤ ᠦᠢ᠍ᠯᠡᠰ᠎ᠤᠨ ᠬᠦᠭᠵᠢᠯᠲᠡ ᠵᠢᠨ ᠲᠠᠯ᠎ᠠ᠎ᠪᠠᠷ᠂ ᠲᠦᠨᠭᠯᠢᠶᠤᠤ ᠬᠤᠲᠠ ᠨᠢᠺᠸᠯ ᠲᠠᠮᠦᠷ᠎ᠤᠨ ᠬᠠᠢ᠌ᠯᠤᠰᠢ ᠬᠢᠭᠡᠳ ᠬᠦᠨᠵᠡᠭᠡᠢ ᠡᠳ᠋ᠰᠢᠭᠦᠯᠬᠦ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠭᠡᠨ᠂ ᠶᠠᠰᠤ ᠴᠢᠨᠠᠷ ᠰᠠᠢ᠌ᠲᠠᠢ ᠤᠨᠴᠠᠭ᠋ᠠᠢ ᠪᠤᠯᠤᠳ᠂ ᠰᠢᠨ᠎ᠡ ᠬᠡᠯᠪᠡᠷᠢ ᠵᠢᠨ ᠬᠠᠢ᠌ᠯᠤᠰᠢ ᠵᠡᠷᠭᠡ ᠳᠠᠪᠰᠢᠨᠭ᠌ᠭᠤᠢ ᠪᠦᠲᠦᠴᠡ ᠮᠠᠲᠸᠷᠢᠶᠠᠯ᠎ᠢ ᠢᠳᠡᠪᠬᠢᠲᠠᠢ ᠬᠦᠭᠵᠢᠬᠦᠯᠵᠤ᠂ ᠨᠢᠺᠸᠯ ᠲᠡᠮᠦᠷ᠎ᠤᠨ ᠬᠠᠢ᠌ᠯᠤᠰᠢ ᠵᠢᠨ ᠦᠢ᠍ᠯᠡᠳᠪᠦᠷᠢᠯᠡᠬᠦ ᠴᠢᠳᠠᠪᠤᠷᠢ ᠵᠢ 20 ᠲᠦᠮᠡᠨ ᠳᠤᠨᠢ ᠳᠠᠪᠠᠭᠤᠯᠬᠤ ᠵᠢ ᠲᠦᠯᠬᠢᠨ ᠠᠬᠢᠭᠤᠯᠵᠤ᠂ ᠵᠢᠪᠡᠷᠡᠭᠦ ᠦᠭᠡᠢ ᠪᠤᠯᠤᠳ᠎ᠤᠨ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠠᠬᠢᠴᠠ ᠵᠢ ᠰᠢᠨ᠎ᠡ ᠰᠢᠪᠲᠤᠯᠤᠯᠲᠠ᠎ᠲᠠᠢ ᠪᠤᠯᠭ᠋ᠠᠬᠤ ᠵᠢ ᠪᠡᠶᠡᠯᠡᠬᠦᠯᠦᠨ᠎ᠡ᠃ ᠲᠠᠪᠤᠨ ᠶᠡᠭᠡ ᠴᠠᠬᠢᠯᠭ᠋ᠠᠨ ᠬᠦᠴᠦᠨ᠎ᠤ ᠪᠦᠯᠦᠭᠯᠡᠯ ᠵᠡᠷᠭᠡ ᠠᠵᠤ ᠠᠬᠤᠢ᠌ᠯᠠᠯ ᠵᠶ᠋ᠠᠷ ᠭᠤᠤᠯᠳᠠᠯᠭ᠎ᠠ ᠪᠤᠯᠭ᠋ᠠᠨ᠂ ᠰᠢᠨ᠎ᠡ ᠡᠨ᠋ᠸᠷᠬᠢ ᠵᠢᠨ ᠵᠢᠱ᠌ᠢᠶ᠎ᠡ ᠦᠵᠡᠬᠦᠯᠬᠦ ᠬᠤᠲᠠ ᠵᠢ ᠪᠦᠲᠦᠭᠡᠨ ᠪᠠᠢ᠌ᠭᠤᠯᠬᠤ᠎ᠪᠠᠷ ᠬᠠᠷᠠᠯᠲᠠ ᠪᠤᠯᠭ᠋ᠠᠵᠤ᠂ ᠰᠠᠯᠬᠢᠨ ᠬᠦᠴᠦᠨ᠂ ᠬᠡᠷᠡᠯ ᠸᠤᠯᠲ᠂ ᠠᠮᠢᠳᠤ ᠪᠤᠳᠠᠰ᠎ᠤᠨ ᠡᠳ᠋ ᠵᠶ᠋ᠠᠷ ᠴᠠᠬᠢᠯᠭ᠋ᠠᠨ ᠭᠠᠷᠭ᠋ᠠᠬᠤ ᠲᠦᠷᠦᠯ ᠵᠦᠢ᠍ᠯ᠎ᠢ ᠲᠦᠷᠭᠡᠳᠭᠡᠨ ᠠᠬᠢᠭᠤᠯᠵᠤ᠂ ᠬᠡᠷᠡᠯ ᠸᠤᠯᠲ ᠵᠶ᠋ᠠᠷ ᠴᠠᠬᠢᠯᠭ᠋ᠠᠨ ᠭᠠᠷᠭ᠋ᠠᠬᠤ ᠮᠠᠰᠢᠨ ᠴᠤᠭᠴᠠᠯᠠᠪᠤᠷᠢ ᠵᠢᠨ ᠪᠠᠭᠲᠠᠭ᠋ᠠᠮᠵᠢ ᠵᠢ 20 ᠲᠦᠮᠡᠨ ᠺᠢᠯᠤᠸᠠᠲ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠦᠨ᠎ᠡ᠃ ᠮᠠᠰᠢᠨ ᠲᠤᠨᠤᠭᠯᠠᠯ ᠦᠢ᠍ᠯᠡᠳᠬᠦ ᠠᠵᠤ ᠦᠢ᠍ᠯᠡᠰ᠎ᠤᠨ ᠲᠠᠯ᠎ᠠ᠎ᠪᠠᠷ ᠰᠠᠯᠬᠢᠨ ᠡᠨ᠋ᠸᠷᠬᠢ ᠵᠢ ᠨᠡᠭᠡᠭᠡᠬᠦ ᠪᠠ ᠰᠠᠯᠬᠢᠨ ᠬᠦᠴᠦᠨ᠎ᠤ ᠴᠠᠬᠢᠯᠭ᠋ᠠᠨ᠎ᠤ ᠲᠦᠬᠦᠭᠡᠷᠦᠮᠵᠢ ᠵᠢ ᠢᠵᠢ ᠪᠦᠷᠢᠳᠦᠭᠦᠯᠬᠦ᠂ ᠭᠤᠤᠯᠯᠠᠬᠤ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠬᠢᠭᠡᠳ ᠮᠠᠰᠢᠨ ᠲᠦᠭᠦᠭᠡᠷᠦᠮᠵᠢ ᠵᠢ ᠢᠵᠢ ᠪᠦᠷᠢᠳᠦᠭᠦᠯᠦᠨ ᠬᠦᠭᠵᠢᠬᠦᠯᠬᠦ ᠴᠢᠭᠯᠡᠯ᠎ᠢ ᠪᠠᠷᠢᠮᠲᠠᠯᠠᠨ᠂ ᠮᠠᠰᠢᠨ ᠲᠦᠭᠦᠭᠡᠷᠦᠮᠵᠢ ᠵᠢ ᠦᠪᠴᠢ ᠪᠤᠯᠪᠠᠰᠤᠷᠠᠭᠤᠯᠬᠤ ᠴᠢᠳᠠᠪᠤᠷᠢ ᠪᠤᠯᠤᠨ ᠰᠠᠭᠤᠷᠢ ᠢᠵᠢ ᠪᠦᠷᠢᠳᠦᠭᠦᠯᠬᠦ ᠬᠢᠷᠢ ᠬᠡᠮᠵᠢᠶ᠎ᠠ ᠵᠢ ᠲᠠᠰᠤᠷᠤᠯᠲᠠ ᠦᠭᠡᠢ ᠳᠡᠭᠡᠭᠰᠢᠯᠡᠬᠦᠯᠵᠤ᠂ ᠰᠠᠯᠬᠢᠨ ᠬᠦᠴᠦᠨ᠎ᠤ ᠴᠠᠬᠢᠯᠭ᠋ᠠᠨ᠎ᠤ ᠲᠦᠭᠦᠭᠡᠷᠦᠮᠵᠢ᠂ ᠠᠭ᠋ᠠᠷ᠎ᠤᠨ ᠲᠡᠭᠡᠭᠡᠪᠦᠷᠢ ᠵᠢᠨ ᠭᠡᠷᠡᠭᠰᠡᠯ᠂ ᠮᠠᠰᠢᠨ ᠲᠡᠷᠭᠡᠨ᠎ᠤ ᠰᠡᠯᠪᠢᠭ ᠲᠤᠨᠤᠭ᠂ ᠲᠠᠷᠢᠶᠠᠯᠠᠨᠭ᠌ ᠮᠠᠯ ᠠᠵᠤ ᠠᠬᠤᠢ ᠵᠢᠨ ᠮᠠᠰᠢᠨ᠂ ᠠᠭᠤᠷᠬᠠᠢ ᠵᠢᠨ ᠲᠦᠭᠦᠭᠡᠷᠦᠮᠵᠢ᠂ ᠬᠦᠨᠭᠭᠡᠨᠴᠠᠭ᠋ᠠᠨ ᠮᠠᠲᠸᠷᠢᠶᠠᠯ ᠡᠳ᠋ᠰᠢᠬᠦᠯᠬᠦ ᠲᠦᠭᠦᠬᠡᠷᠦᠮᠵᠢ ᠵᠡᠷᠭᠡ ᠮᠠᠰᠢᠨ ᠲᠤᠨᠤᠭᠯᠠᠯ ᠦᠢ᠍ᠯᠡᠳᠭᠦ ᠲᠦᠷᠦᠯ ᠵᠦᠢ᠍ᠯ᠎ᠢ ᠶᠡᠭᠡᠪᠡᠷ ᠤᠷᠤᠭᠤᠯᠵᠤ ᠢᠷᠡᠨ᠎ᠡ᠃ ᠰᠢᠨ᠎ᠡ ᠮᠠᠲᠸᠷᠢᠶᠠᠯ᠎ᠤᠨ ᠠᠵᠤ ᠦᠢ᠍ᠯᠡᠰ᠎ᠤᠨ ᠲᠠᠯ᠎ᠠ᠎ᠪᠠᠷ ᠡᠬᠢ ᠪᠠᠶᠠᠯᠢᠭ᠎ᠤᠨ ᠰᠠᠭᠤᠷᠢ ᠪᠠ ᠡᠨ᠋ᠸᠷᠬᠢ ᠵᠢᠨ ᠳᠠᠪᠠᠭᠤᠯᠢᠭ᠎ᠲᠠᠭᠠᠨ ᠲᠦᠰᠢᠭᠯᠡᠨ᠂ ᠨᠡᠭᠦᠷᠡᠰᠦ ᠴᠠᠬᠢᠯᠭ᠋ᠠᠨ ᠴᠠᠬᠢᠭᠤᠷ ᠬᠢᠭᠡᠳ ᠬᠡᠷᠡᠯ ᠸᠤᠯᠲ ᠵᠢ ᠨᠢᠭᠡ ᠴᠤᠭᠴᠠᠵᠢᠭᠤᠯᠬᠤ ᠲᠦᠷᠦᠯ ᠵᠦᠢ᠍ᠯ᠂ ᠪᠢᠳᠤᠷᠶ᠎ᠠ ᠲᠠᠯᠠᠰᠲᠤ ᠵᠢ ᠬᠦᠨᠵᠡᠭᠡᠢ ᠡᠳ᠋ᠰᠢᠭᠦᠯᠬᠦ ᠲᠦᠷᠦᠯ ᠵᠦᠢ᠍ᠯ᠎ᠢ ᠢᠳᠡᠪᠬᠢᠲᠠᠢ ᠲᠦᠯᠬᠢᠨ ᠠᠬᠢᠭᠤᠯᠵᠤ᠂ ᠡᠨᠡ ᠵᠢᠯ 500 ᠳᠤᠨ ᠳᠠᠨᠭ᠌ ᠲᠠᠯᠠᠰᠲᠤ ᠴᠠᠬᠢᠭᠤᠷ᠂ 1600 ᠲᠦᠮᠡᠨ ᠮᠢᠯᠢᠮᠸᠲᠷ ᠪᠢᠳᠤᠷᠶ᠎ᠠ ᠵᠢ ᠬᠦᠨᠵᠡᠭᠡᠢ ᠡᠳ᠋ᠰᠢᠭᠦᠯᠦᠭᠰᠡᠨ ᠦᠢ᠍ᠯᠡᠳᠭᠦᠨ᠎ᠤ ᠴᠢᠳᠠᠪᠤᠷᠢ ᠵᠢ ᠪᠤᠢ ᠪᠤᠯᠭ᠋ᠠᠨ᠎ᠠ᠃
[ᠬᠥᠲᠥᠯᠦᠭᠴᠢ] ᠸᠠᠩ ᠡᠷᠬᠢᠯᠡᠭᠴᠢ ᠡ᠂ ᠲᠠᠨ᠎ᠤ ᠲᠠᠨᠢᠯᠴᠠᠭᠤᠯᠤᠭᠰᠠᠨ ᠵᠶ᠋ᠠᠷ ᠳᠠᠮᠵᠢᠭ᠋ᠠᠳ ᠪᠢᠳᠡ ᠲᠦᠩᠯᠢᠶᠣᠣ ᠬᠣᠲᠠ ᠵᠢᠨ 2015 ᠣᠨ᠎ᠤ ᠪᠦᠬᠦ ᠬᠣᠲᠠ ᠵᠢᠨ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠬᠦᠭᠵᠢᠯᠲᠡ ᠵᠢᠨ ᠭᠣᠣᠯ ᠵᠢᠱ᠌ᠢᠭᠰᠡᠨ ᠬᠠᠷᠠᠯᠲᠠ ᠵᠢ ᠪᠡᠶᠡᠯᠡᠭᠦᠯᠬᠦ᠎ᠳᠤ ᠪᠠᠰᠠ ᠰᠢᠨ᠎ᠡ ᠵᠢ ᠡᠭᠦᠳᠬᠦ ᠬᠥᠳᠡᠯᠭᠡᠭᠦᠷ᠎ᠢ ᠲᠡᠭᠦᠯᠳᠡᠷᠵᠢᠭᠦᠯᠦᠨ᠂ ᠠᠵᠤ ᠦᠢ᠍ᠯᠡᠰ᠎ᠤᠨ ᠬᠦᠭᠵᠢᠯᠲᠡ ᠵᠢᠨ ᠴᠢᠨᠠᠷ ᠴᠢᠨᠰᠠᠭ᠎ᠠ ᠵᠢᠨ 《ᠬᠣᠶᠠᠷ ᠳᠡᠭᠡᠭᠰᠢᠯᠡᠭᠦᠯᠬᠦ》 ᠵᠢ ᠪᠡᠶᠡᠯᠡᠭᠦᠯᠬᠦ ᠴᠢᠬᠤᠯᠠᠲᠠᠢ ᠭᠡᠰᠡᠨ᠎ᠢ ᠣᠢ᠌ᠯᠠᠭ᠋ᠠᠪᠠ᠂ ᠲᠡᠭᠡᠪᠡᠯ ᠶᠠᠮᠠᠷ ᠶᠠᠮᠠᠷ ᠠᠵᠢᠯ ᠬᠢᠬᠦ᠎ᠪᠠᠷ ᠲᠦᠯᠦᠪᠯᠡᠵᠦ ᠪᠠᠢ᠌ᠬᠤ ᠪᠤᠢ?
[ᠸᠠᠩ ᠴᠢᠶᠦ᠋ᠩ] ᠰᠢᠨ᠎ᠡ ᠬᠡᠪ ᠪᠠᠢ᠌ᠳᠠᠯ ᠳᠤ ᠵᠣᠬᠢᠴᠠᠭᠤᠯᠤᠨ᠂ ᠲᠦᠩᠯᠢᠶᠣᠣ ᠬᠣᠲᠠ ᠵᠢᠨ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠰᠢᠨ᠎ᠡ ᠬᠦᠭᠵᠢᠯᠲᠡ ᠵᠢ ᠪᠡᠶᠡᠯᠡᠭᠦᠯᠬᠦ᠎ᠳᠤ᠂ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠴᠢᠩᠭ᠋ᠠᠷᠠᠭᠤᠯᠤᠨ᠂ ᠠᠵᠤ ᠦᠢ᠍ᠯᠡᠰ᠎ᠤᠨ ᠭᠣᠣᠯ ᠦᠷᠢᠰᠦᠯᠳᠦᠬᠦ ᠴᠢᠳᠠᠯ᠎ᠢ ᠴᠢᠩᠭ᠋ᠠᠷᠠᠭᠤᠯᠬᠤ ᠪᠣᠯ ᠵᠠᠢ᠌ᠯᠠᠰᠢ ᠦᠭᠡᠢ ᠰᠤᠩᠭᠤᠯᠲᠠ ᠪᠣᠯᠣᠨ᠎ᠠ᠃ ᠰᠢᠨ᠎ᠡ ᠨᠢᠭᠡᠨ ᠵᠢᠯ᠎ᠳᠤ᠂ ᠲᠦᠩᠯᠢᠶᠣᠣ ᠬᠣᠲᠠ ᠠᠵᠤ ᠠᠬᠤᠢ᠌ᠯᠠᠯ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠠᠵᠤ ᠠᠬᠤᠢ᠌ᠯᠠᠯ᠎ᠢ ᠵᠣᠷᠢᠭᠵᠢᠭᠤᠯᠬᠤ ᠪᠠ ᠬᠥᠲᠥᠯᠦᠨ ᠵᠢᠯᠣᠭᠣᠳᠴᠤ ᠪᠠᠢ᠌ᠭ᠋ᠠᠳ ᠮᠡᠷᠭᠡᠵᠢᠯ᠎ᠤᠨ ᠪᠣᠭᠣᠮᠲᠠ ᠰᠢᠪᠲᠤᠯᠬᠤ ᠪᠠ ᠳᠡᠯᠭᠡᠷᠡᠭᠦᠯᠦᠨ ᠬᠡᠷᠡᠭᠯᠡᠬᠦ ᠠᠵᠢᠯ᠎ᠢ ᠦᠷᠨᠢᠭᠦᠯᠦᠨ᠂ ᠭᠣᠣᠯᠯᠠᠬᠤ ᠮᠡᠷᠭᠡᠵᠢᠯ᠎ᠢ ᠡᠵᠡᠮᠰᠢᠭᠰᠡᠨ᠂ ᠠᠵᠢᠯ ᠲᠦᠷᠦᠯ᠎ᠤᠨ ᠬᠦᠭᠵᠢᠯᠲᠡ ᠵᠢ ᠬᠦᠲᠦᠯᠦᠨ ᠳᠠᠭ᠋ᠠᠭᠤᠯᠤᠭᠰᠠᠨ ᠨᠢᠭᠡ ᠪᠦᠯᠦᠭ ᠰᠢᠨ᠎ᠡ ᠵᠢ ᠡᠭᠦᠳᠬᠦ ᠬᠡᠯᠪᠡᠷᠢ ᠵᠢᠨ ᠠᠵᠤ ᠠᠬᠤᠢ᠌ᠯᠠᠯ᠎ᠢ ᠡᠭᠦᠳᠦᠨ ᠪᠠᠢ᠌ᠭᠤᠯᠤᠨ᠎ᠠ᠃
ᠪᠤᠳᠠᠳᠠᠢ᠎ᠪᠠᠷ ᠬᠡᠯᠡᠪᠡᠯ᠂ ᠮᠧᠢ ᠬᠤᠸᠠ ᠠᠮᠢᠳᠤ ᠪᠤᠳᠠᠰ᠂ ᠮᠣᠩᠭᠣᠯ ᠡᠮ᠎ᠤᠨ ᠬᠤᠪᠢ ᠣᠷᠣᠭᠣᠯᠣᠯᠲᠠ᠂ ᠵᠢᠨ ᠯᠢᠶᠠᠨ ᠬᠥᠩᠭᠡᠨᠴᠠᠭ᠋ᠠᠨ᠎ᠤ ᠮᠠᠲᠸᠷᠢᠶᠠᠯ ᠵᠡᠷᠭᠡ ᠠᠵᠤ ᠠᠬᠤᠢ᠌ᠯᠠᠯ ᠵᠶ᠋ᠠᠷ ᠲᠠᠪᠴᠠᠩ ᠪᠣᠯᠭ᠋ᠠᠵᠤ᠂ ᠥᠪᠥᠷ ᠮᠣᠩᠭᠣᠯ᠎ᠤᠨ ᠮᠣᠩᠭᠣᠯ ᠡᠮ᠎ᠤᠨ ᠢᠨᠵᠧᠨᠧᠷᠢᠩ᠎ᠤᠨ ᠮᠡᠷᠭᠡᠵᠢᠯ᠎ᠤᠨ ᠰᠤᠳᠤᠯᠭ᠋ᠠᠨ᠎ᠤ ᠬᠦᠷᠢᠶᠠᠯᠠᠩ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠬᠥᠩᠭᠡᠨᠴᠠᠭ᠋ᠠᠨ᠎ᠤ ᠰᠢᠨ᠎ᠡ ᠮᠠᠲᠸᠷᠢᠶᠠᠯ᠎ᠤᠨ ᠢᠨᠵᠧᠨᠧᠷᠢᠩ ᠤᠨ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ ᠵᠡᠷᠭᠡ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠤᠨ᠎ᠠ᠃ ᠡᠷᠳᠡᠨᠢ ᠰᠢᠰᠢ ᠵᠢᠨ ᠠᠮᠢᠳᠤ ᠪᠤᠳᠠᠰ᠎ᠤᠨ ᠠᠵᠤ ᠦᠢ᠍ᠯᠡᠰ᠎ᠢ ᠭᠦᠨᠵᠡᠭᠡᠢ᠌ᠷᠡᠭᠦᠯᠬᠦ ᠵᠢ ᠪᠡᠭᠡᠵᠢᠩ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠵᠡᠷᠭᠡ ᠡᠷᠳᠡᠮ ᠰᠢᠨᠵᠢᠯᠡᠭᠡᠨ᠎ᠤ ᠬᠦᠷᠢᠶᠡᠯᠡᠩ ᠭᠠᠵᠠᠷ᠎ᠯᠤᠭ᠎ᠠ ᠬᠤᠷᠰᠢᠯᠴᠠᠨ᠂ ᠮᠧᠢ ᠬᠤᠸᠠ ᠠᠮᠢᠳᠤ ᠪᠣᠳᠠᠰ᠎ᠢ ᠤᠯᠤᠰ᠎ᠤᠨ ᠳᠡᠰ᠎ᠤᠨ ᠠᠵᠤ ᠠᠬᠤᠢ᠌ᠯᠠᠯ᠎ᠤᠨ ᠮᠡᠷᠭᠡᠵᠢᠯ᠎ᠤᠨ ᠲᠥᠪ ᠵᠶ᠋ᠡᠷ ᠠᠮᠵᠢᠯᠲᠠᠢ ᠮᠡᠳᠡᠭᠦᠯᠬᠦ ᠵᠢ ᠲᠥᠯᠬᠢᠨ ᠠᠬᠢᠭᠤᠯᠵᠤ᠂ 2015 ᠣᠨ᠎ᠳᠤ 2 ᠵᠦᠢ᠍ᠯ᠎ᠠᠴᠠ ᠳᠡᠭᠡᠭᠰᠢᠬᠢ ᠢᠳᠡᠭᠡᠨ᠎ᠤ ᠲᠥᠷᠦᠯ᠎ᠤᠨ ᠪᠤᠶᠤ ᠡᠮ ᠡᠮᠨᠡᠯᠭᠡ ᠵᠢᠨ ᠲᠥᠷᠥᠯ᠎ᠤᠨ ᠳᠡᠭᠡᠳᠦ ᠳᠡᠰ᠎ᠤᠨ ᠰᠢᠪᠲᠤᠷᠲᠤ ᠬᠦᠴᠢᠯ᠎ᠤᠨ ᠰᠢᠨ᠎ᠡ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ ᠵᠢ ᠪᠡᠶᠡᠯᠡᠭᠦᠯᠬᠦ᠎ᠪᠠᠷ ᠴᠢᠷᠮᠠᠢ᠌ᠨ᠎ᠠ᠃ ᠰᠢᠨ᠎ᠡ ᠬᠥᠩᠭᠡᠨᠴᠠᠭ᠋ᠠᠨ᠎ᠤ ᠮᠠᠲᠸᠷᠢᠶᠠᠯ᠎ᠤᠨ ᠠᠵᠤ ᠦᠢ᠍ᠯᠡᠰ᠎ᠤᠨ ᠲᠠᠯ᠎ᠠ᠎ᠪᠠᠷ ᠵᠢᠨ ᠯᠢᠶᠠᠨ ᠬᠥᠩᠭᠡᠨᠴᠠᠭ᠋ᠠᠨ᠎ᠤ ᠮᠠᠲᠸᠷᠢᠶᠠᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠬᠢᠭᠡᠳ ᠱᠠᠩᠬᠠᠢ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ᠂ ᠵᠡᠭᠦᠨ ᠬᠣᠢ᠌ᠲᠤ ᠵᠢᠨ ᠶᠡᠬᠡ ᠰᠤᠷᠭ᠋ᠠᠭᠤᠯᠢ ᠬᠢᠭᠡᠳ ᠮᠥᠭᠳᠡᠨᠤ ᠬᠥᠩᠭᠡᠨᠴᠠᠭ᠋ᠠᠨ ᠮᠠᠭᠨᠢ ᠵᠢᠨ ᠵᠢᠷᠣᠭ ᠲᠥᠯᠥᠪᠯᠡᠭᠡ ᠵᠢᠨ ᠰᠤᠳᠤᠯᠭ᠋ᠠᠨ᠎ᠤ ᠬᠦᠷᠢᠶᠡᠯᠡᠩ ᠵᠡᠷᠭᠡ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ᠎ᠯᠤᠭ᠎ᠠ ᠵᠢᠨ ᠦᠢ᠍ᠯᠡᠳᠪᠦᠷᠢᠯᠡᠬᠦ ᠵᠢᠭ᠋ᠠᠬᠤ ᠰᠤᠷᠬᠤ ᠲᠠᠯ᠎ᠠ ᠵᠢᠨ ᠬᠣᠷᠰᠢᠯᠴᠠᠭ᠎ᠠ ᠬᠢᠬᠦ ᠵᠢ ᠲᠥᠯᠬᠢᠨ ᠠᠬᠢᠭᠤᠯᠵᠤ᠂ 2015 ᠣᠨ᠎ᠳᠤ ᠥᠴᠥᠬᠡᠨ ᠬᠣᠷᠣᠭᠳᠠᠯ᠎ᠳᠤ ᠠᠷᠭ᠎ᠠ ᠲᠤᠢ᠌ᠯ᠎ᠤᠨ ᠮᠡᠷᠭᠡᠵᠢᠯ᠎ᠤᠨ ᠨᠡᠭᠡᠭᠡᠯᠲᠡ ᠪᠠ ᠬᠡᠷᠡᠭᠯᠡᠯᠲᠡ᠂ ᠳᠣᠣᠷ᠎ᠠ ᠬᠣᠷᠣᠭᠳᠠᠯ ᠥᠨᠳᠦᠷ ᠦᠷ᠎ᠡ ᠠᠰᠢᠭᠲᠠᠢ ᠬᠥᠩᠭᠡᠨᠴᠠᠭ᠋ᠠᠨ ᠴᠠᠬᠢᠯᠭ᠋ᠠᠨ ᠵᠠᠳᠠᠯᠤᠯ᠎ᠤᠨ ᠮᠡᠷᠭᠡᠵᠢᠯ᠎ᠤᠨ ᠰᠤᠳᠤᠯᠤᠯ᠎ᠤᠨ ᠲᠠᠯ᠎ᠠ᠎ᠪᠠᠷ ᠱᠠᠲᠤ ᠦᠶ᠎ᠡ ᠵᠢᠨ ᠴᠢᠨᠠᠷᠲᠠᠢ ᠮᠡᠷᠭᠡᠵᠢᠯ᠎ᠤᠨ ᠦᠷ᠎ᠡ ᠪᠦᠲᠦᠭᠡᠯ᠎ᠢ ᠣᠯᠬᠣ ᠵᠢᠨ ᠬᠠᠮᠲᠤ ᠤᠯᠠᠷᠢᠭᠤᠯᠬᠤ ᠵᠢ ᠬᠡᠷᠡᠭᠵᠢᠭᠦᠯᠦᠨ᠎ᠡ᠃
[ᠸᠠᠩ ᠴᠢᠶᠦ᠋ᠩ] ᠮᠡᠳᠡᠭᠡ ᠵᠠᠩᠭᠢᠵᠢᠭᠤᠯᠬᠤ ᠪᠦᠲᠦᠭᠡᠨ ᠪᠠᠢ᠌ᠭᠤᠯᠤᠯᠲᠠ ᠵᠢ ᠬᠦᠴᠦᠯᠡᠨ ᠠᠬᠢᠭᠤᠯᠵᠤ᠂ 《ᠮᠡᠳᠡᠭᠡ ᠵᠠᠩᠭᠢᠵᠢᠯᠲᠠ ᠬᠢᠭᠡᠳ ᠣᠶᠣᠨᠴᠢᠯᠠᠯᠲᠠ》 ᠵᠢ ᠭᠦᠨᠵᠡᠭᠡᠢ ᠠᠭᠤᠰᠤᠯᠴᠠᠭᠤᠯᠬᠤ ᠵᠢ ᠬᠡᠷᠡᠭᠵᠢᠭᠦᠯᠦᠨ᠎ᠡ᠃ 《ᠪᠥᠷᠬᠦᠬᠦᠯ ᠣᠶᠣᠨᠴᠢ ᠲᠦᠩᠯᠢᠶᠣᠣ》 ᠵᠢᠨ ᠲᠦᠷᠦᠯ ᠵᠦᠢ᠍ᠯ᠎ᠤᠨ ᠪᠦᠬᠦ ᠲᠠᠯ᠎ᠠ᠎ᠪᠠᠷ ᠡᠬᠢᠯᠡᠭᠦᠯᠦᠨ ᠠᠵᠢᠯᠯᠠᠭᠤᠯᠬᠤ ᠵᠢ ᠲᠥᠯᠬᠢᠨ ᠠᠬᠢᠭᠤᠯᠬᠤ᠎ᠪᠠᠷ ᠳᠠᠮᠵᠢᠭᠤᠯᠤᠨ᠂ ᠠᠵᠤ ᠦᠢ᠍ᠯᠡᠰ᠎ᠤᠨ ᠮᠡᠳᠡᠭᠡ ᠵᠠᠩᠭᠢᠴᠢᠯᠠᠬᠤ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠡᠳᠡᠭᠡ ᠵᠠᠩᠭᠢᠵᠢᠯᠲᠠ᠎ᠪᠠᠷ ᠠᠵᠤ ᠠᠬᠤᠢ᠌ᠯᠠᠯ᠎ᠤᠨ ᠦᠢ᠍ᠯᠡᠳᠪᠦᠷᠢᠯᠡᠯ᠂ ᠬᠠᠮᠢᠶᠠᠷᠤᠯᠲᠠ᠂ ᠪᠣᠷᠣᠯᠠᠭᠤᠯᠭ᠎ᠠ ᠵᠢᠨ ᠰᠢᠰᠲᠸᠮᠵᠢ ᠵᠢ ᠥᠭᠡᠷᠡᠴᠢᠯᠡᠨ᠂ ᠦᠢ᠍ᠯᠡᠳᠬᠦᠨ᠎ᠤ ᠣᠶᠣᠨᠴᠢᠯᠠᠯᠲᠠ᠂ ᠲᠥᠬᠥᠭᠡᠷᠦᠮᠵᠢ ᠵᠢᠨ ᠣᠶᠣᠨᠴᠢᠯᠠᠯᠲᠠ᠂ ᠦᠢ᠍ᠯᠡᠳᠪᠦᠷᠢᠯᠡᠯ᠎ᠤᠨ ᠣᠶᠣᠨᠴᠢᠯᠠᠯᠲᠠ᠂ ᠬᠠᠮᠢᠶᠠᠷᠤᠯᠲᠠ ᠵᠢᠨ ᠣᠶᠣᠨᠴᠢᠯᠠᠯᠲᠠ᠂ ᠦᠢ᠍ᠯᠡᠴᠢᠯᠡᠭᠡᠨ᠎ᠤ ᠣᠶᠣᠨᠴᠢᠯᠠᠯᠲᠠ ᠵᠢ ᠠᠯᠬᠤᠮ ᠠᠯᠬᠤᠮ ᠵᠶ᠋ᠡᠷ ᠪᠡᠶᠡᠯᠡᠭᠦᠯᠦᠨ᠎ᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠣ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠡᠭᠦᠯᠡᠨ ᠠᠮᠢ ᠠᠬᠤᠢ》 ᠵᠢᠨ ᠲᠦᠩᠯᠢᠶᠣᠣ ᠵᠢᠨ ᠵᠢᠱ᠌ᠢᠶ᠎ᠡ ᠦᠵᠡᠭᠦᠯᠬᠦ ᠲᠣᠭᠣᠷᠢᠭ᠎ᠤᠨ ᠢᠨᠵᠧᠨᠧᠷᠢᠩ᠎ᠢ ᠡᠬᠢᠯᠡᠭᠦᠯᠦᠨ᠂ ᠳᠤᠮᠳᠠᠳᠤ ᠮᠣᠩᠭᠣᠯ ᠣᠷᠣᠰ᠎ᠤᠨ ᠮᠡᠳᠡᠭᠡ ᠵᠠᠩᠭᠢ ᠵᠢᠨ ᠭᠠᠷᠠᠮ᠎ᠤᠨ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠥᠯᠬᠢᠨ ᠠᠬᠢᠭᠤᠯᠵᠤ᠂ ᠬᠣᠰᠢᠭᠤ ᠰᠢᠶᠠᠨ᠎ᠤ ᠣᠷᠣᠨ ᠪᠦᠰᠡ ᠵᠢᠨ ᠮᠡᠳᠡᠭᠡ ᠵᠠᠩᠭᠢᠴᠢᠯᠠᠬᠤ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠂ ᠠᠵᠤ ᠦᠢ᠍ᠯᠡᠰ᠎ᠤᠨ ᠬᠦᠭᠵᠢᠯᠲᠡ ᠵᠢᠨ ᠡᠯ᠎ᠡ ᠭᠣᠭᠴᠣᠭ᠋ᠠᠨ᠎ᠳᠠᠬᠢ ᠮᠡᠳᠡᠭᠡ ᠵᠠᠩᠭᠢ ᠵᠢᠨ ᠮᠡᠷᠭᠡᠵᠢᠯ ᠳᠡᠯᠭᠡᠷᠡᠭᠦᠯᠦᠨ ᠬᠡᠷᠡᠭᠯᠡᠬᠦ ᠵᠢ ᠲᠦᠷᠭᠡᠳᠬᠡᠵᠦ᠂ ᠡᠭᠦᠯᠡᠨ ᠪᠤᠳᠣᠯᠲᠠ ᠵᠢᠨ ᠠᠵᠤ ᠦᠢ᠍ᠯᠡᠰ᠎ᠤᠨ ᠪᠦᠯᠦᠭᠯᠡᠯ᠎ᠵᠢᠨ ᠬᠥᠭᠵᠢᠬᠦ ᠵᠢ ᠲᠦᠯᠬᠢᠨ ᠠᠬᠢᠭᠤᠯᠤᠨ᠎ᠠ ᠃
ᠦᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠬᠦᠴᠦᠯᠡᠨ ᠭᠦᠨᠵᠡᠭᠡᠢ᠌ᠷᠡᠭᠦᠯᠵᠦ᠂ ᠠᠵᠤ ᠦᠢ᠍ᠯᠡᠰ᠎ᠤᠨ ᠬᠦᠭᠵᠢᠯᠲᠡ ᠵᠢᠨ ᠠᠮᠢᠵᠢᠷᠡᠯ᠎ᠤᠨ ᠬᠦᠴᠦᠨ᠎ᠢ ᠴᠢᠩᠭ᠋ᠠᠷᠠᠭᠤᠯᠤᠨ᠎ᠠ᠃ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠶᠠᠮᠤᠨ᠎ᠤ 2015 ᠣᠨ᠎ᠤ ᠬᠡᠯᠪᠡᠷᠢ᠎ᠪᠠᠨ ᠬᠣᠪᠢᠷᠠᠭᠤᠯᠤᠨ ᠳᠡᠰ ᠳᠡᠪᠰᠢᠬᠦ 《6+1》 ᠲᠤᠰᠬᠠᠢ ᠵᠦᠢ᠍ᠯ᠎ᠤᠨ ᠠᠵᠢᠯᠯᠠᠭ᠎ᠠ᠂ ᠲᠣᠬᠠᠢ᠌ᠯᠠᠪᠠᠯ ᠠᠵᠤ ᠦᠢ᠍ᠯᠡᠳᠪᠦᠷᠢ ᠵᠢᠨ ᠰᠠᠭᠤᠷᠢ ᠵᠢ ᠪᠡᠬᠢᠵᠢᠭᠦᠯᠬᠦ᠂ ᠣᠶᠣᠨᠴᠢ᠎ᠪᠠᠷ ᠦᠢ᠍ᠯᠡᠳᠬᠦ ᠲᠤᠷᠰᠢᠯᠲᠠ ᠵᠢᠨ ᠴᠢᠭ᠋᠎ᠤᠨ ᠵᠢᠱ᠌ᠢᠶ᠎ᠡ ᠦᠵᠡᠭᠦᠯᠬᠦ᠂ ᠴᠡᠷᠢᠭ᠎ᠤᠨ ᠬᠡᠷᠡᠭᠯᠡᠭᠡᠨ᠎ᠤ ᠬᠡᠷᠡᠭᠰᠡᠯ ᠦᠢ᠍ᠯᠡᠳᠪᠦᠷᠢᠯᠡᠬᠦ ᠬᠢᠭᠡᠳ ᠠᠷᠠᠳ᠎ᠤᠨ ᠬᠡᠷᠡᠭᠯᠡᠭᠡᠨ᠎ᠤ ᠬᠡᠷᠡᠭᠰᠡᠯi ᠦᠢ᠍ᠯᠡᠳᠪᠦᠷᠢᠯᠡᠬᠦ ᠵᠢᠨ ᠠᠭᠤᠰᠤᠯᠴᠠᠯ᠎ᠤᠨ ᠭᠦᠨᠵᠡᠭᠡᠢ᠌ᠷᠡᠨ ᠬᠥᠭᠵᠢᠬᠦ ᠵᠢ ᠲᠥᠯᠬᠢᠨ ᠠᠬᠢᠭᠤᠯᠬᠤ᠂ ᠠᠵᠤ ᠦᠢ᠍ᠯᠡᠳᠪᠦᠷᠢ ᠵᠢᠨ ᠪᠣᠬᠢᠷᠳᠤᠯ ᠦᠭᠡᠢ᠎ᠪᠠᠷ ᠬᠦᠭᠵᠢᠬᠦ᠂ ᠦᠷᠭᠡᠨ ᠪᠦᠰᠡᠲᠦ ᠳᠤᠮᠳᠠᠳᠤ ᠤᠯᠤᠰ 2015᠂ ᠪᠠᠭ᠎ᠠ ᠵᠢᠵᠢᠭ ᠠᠵᠤ ᠠᠬᠤᠢ᠌ᠯᠠᠯ᠎ᠢ ᠳᠡᠳᠬᠦᠨ ᠲᠤᠰᠠᠯᠠᠬᠤ ᠲᠤᠰᠬᠠᠢ ᠵᠦᠢ᠍ᠯ᠎ᠤᠨ ᠠᠵᠢᠯᠯᠠᠭ᠎ᠠ ᠪᠠ ᠠᠵᠢᠯ᠎ᠤᠨ ᠰᠤᠷᠲᠠᠯ᠎ᠢ ᠬᠠᠯᠠᠨ ᠰᠠᠢ᠌ᠵᠢᠷᠠᠭᠤᠯᠬᠤ ᠣᠨ᠎ᠤ ᠠᠵᠢᠯᠯᠠᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ᠎ᠠ᠃ ᠤᠯᠤᠰ᠎ᠤᠨ ᠦᠮᠴᠢᠯᠡᠯᠲᠦ ᠠᠵᠤ ᠠᠬᠤᠢ᠌ᠯᠠᠯ᠎ᠤᠨ ᠦᠭᠡᠷᠡᠴᠢᠯᠡᠯᠲᠡᠢ ᠥᠷᠭᠦᠯᠵᠢᠯᠡᠨ ᠭᠦᠨᠵᠡᠭᠡᠢ᠌ᠷᠡᠭᠦᠯᠵᠦ᠂ ᠤᠯᠤᠰ᠎ᠤᠨ ᠦᠮᠴᠢᠯᠡᠯᠲᠦ ᠡᠳ᠋ ᠬᠥᠷᠦᠩᠭᠡ ᠵᠢᠨ ᠬᠢᠨᠠᠯᠲᠠ ᠬᠠᠮᠢᠶᠠᠷᠤᠯᠲᠠ ᠵᠢᠨ ᠪᠠᠢ᠌ᠭᠤᠯᠤᠯ᠎ᠢ ᠤᠯᠠᠮ ᠨᠢᠭᠡ ᠠᠯᠬᠤᠮ ᠪᠠᠢ᠌ᠭᠤᠯᠤᠨ ᠪᠦᠷᠢᠨᠰᠢᠭᠦᠯᠵᠦ᠂ ᠤᠯᠤᠰ᠎ᠤᠨ ᠦᠮᠴᠢᠯᠡᠯᠲᠦ ᠠᠵᠤ ᠠᠬᠤᠢ᠌ᠯᠠᠯ᠎ᠳᠠᠬᠢ ᠬᠣᠯᠢᠮᠠᠭ ᠦᠮᠴᠢᠯᠡᠯ᠎ᠤᠨ ᠳᠦᠷᠢᠮ᠎ᠤᠨ ᠦᠭᠡᠷᠡᠴᠢᠯᠡᠯᠲᠡ ᠵᠢᠨ ᠠᠵᠢᠯ᠎ᠢ ᠲᠦᠷᠭᠡᠳᠬᠡᠨ ᠠᠬᠢᠭᠤᠯᠵᠤ᠂ ᠠᠵᠤ ᠠᠬᠤᠢ᠌ᠯᠠᠯ᠎ᠤᠨ ᠰᠲ᠋ᠣᠺ᠎ᠤᠨ ᠡᠷᠬᠡ ᠵᠢᠨ ᠪᠦᠲᠦᠴᠡ ᠵᠢᠨ ᠰᠢᠯᠢᠳᠡᠭᠵᠢᠭᠦᠯᠦᠨ᠂ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠲᠣᠭᠲᠠᠴᠠ ᠵᠢ ᠠᠯᠬᠤᠮ ᠠᠯᠬᠤᠮ ᠵᠶ᠋ᠠᠷ ᠪᠠᠢ᠌ᠭᠤᠯᠤᠨ᠂ ᠣᠳᠣ ᠦᠶ᠎ᠡ ᠵᠢᠨ ᠠᠵᠤ ᠠᠬᠤᠢ᠌ᠯᠠᠯ᠎ᠤᠨ ᠳᠦᠷᠢᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠤᠯᠤᠰ᠎ᠤᠨ ᠦᠮᠴᠢᠯᠡᠯᠲᠦ ᠠᠵᠤ ᠠᠬᠤᠢ ᠵᠢᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠨᠡᠮᠡᠭᠳᠡᠭᠦᠯᠵᠦ᠂ ᠠᠵᠤ ᠦᠢ᠍ᠯᠡᠰ᠎ᠤᠨ ᠬᠦᠭᠵᠢᠯᠲᠡ ᠵᠢᠨ ᠶᠠᠰᠤ ᠴᠢᠨᠠᠷ ᠪᠠ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠵᠢ ᠪᠡᠶᠡᠯᠡᠭᠦᠯᠦᠨ᠎ᠡ᠃
[ᠬᠦᠲᠦᠯᠦᠭᠴᠢ] ᠵᠠ᠂ ᠸᠠᠩ ᠡᠷᠬᠢᠯᠡᠭᠴᠢ ᠵᠢᠨ ᠬᠠᠯᠠᠰᠢᠷᠠᠯ ᠦᠭᠡᠢ ᠬᠠᠷᠢᠭᠤᠯᠤᠭᠰᠠᠨ᠎ᠳᠤ ᠲᠤᠩ ᠲᠠᠯᠠᠷᠬᠠᠵᠤ ᠪᠠᠢ᠌ᠨ᠎ᠠ ᠂ ᠮᠦᠨᠴᠦ ᠰᠦᠯᠵᠢᠶᠡᠨ᠎ᠤ ᠠᠨᠳᠠ ᠨᠠᠷ᠎ᠤᠨ ᠬᠦᠯᠢᠶᠡᠨ ᠠᠪᠴᠤ ᠦᠵᠡᠭᠰᠡᠨ᠎ᠳᠤ ᠪᠠᠶᠠᠷᠯᠠᠵᠤ ᠪᠠᠢ᠌ᠨ᠎ᠠ! ᠲᠤᠰ ᠤᠳᠠᠭ᠋ᠠᠨ᠎ᠤ ᠰᠤᠷᠪᠤᠯᠵᠢᠯᠠᠭᠰᠠᠨ ᠶᠠᠷᠢᠯᠴᠠᠭ᠎ᠠ ᠡᠨᠳᠡ ᠬᠦᠷᠲᠡᠯ᠎ᠡ ᠲᠡᠭᠦᠰᠦᠯ᠎ᠡ᠂ ᠳᠠᠷᠠᠭ᠋ᠠᠴᠢ ᠵᠢᠨ ᠫᠷᠦᠭᠷᠡᠮ᠎ᠳᠤ ᠪᠠᠶᠠᠷᠳᠠᠢ ᠵᠣᠯᠭ᠋ᠠᠶ᠎ᠠ!