ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
2015 —2017 ᠤᠨ᠎ᠤ ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠮᠠᠰᠢᠨ ᠪᠠᠭ᠋ᠠᠵᠢ ᠬᠤᠳᠠᠯᠳᠤᠨ ᠠᠪᠬᠤ᠎ᠳᠤ ᠨᠥᠬᠥᠪᠥᠷᠢ ᠥᠭᠬᠦ ᠲᠥᠷᠥ ᠵᠢᠨ ᠪᠣᠳᠣᠯᠭ᠎ᠠ
ᠨᠡᠶ᠋ᠢᠲᠡᠯᠡᠭᠰᠡᠨ ᠴᠠᠭ᠄ 2015-06-19

      ᠰᠤᠷᠪᠤᠯᠵᠢᠯᠠᠭ᠎ᠠ ᠵᠢᠨ ᠭᠤᠤᠯ ᠰᠡᠳᠦᠪ᠄ 2015 —2017 ᠤᠨ᠎ᠤ ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠮᠠᠰᠢᠨ ᠪᠠᠭ᠋ᠠᠵᠢ ᠬᠤᠳᠠᠯᠳᠤᠨ ᠠᠪᠬᠤ᠎ᠳᠤ ᠨᠥᠬᠥᠪᠥᠷᠢ ᠥᠭᠬᠦ ᠲᠥᠷᠥ ᠵᠢᠨ ᠪᠣᠳᠣᠯᠭ᠎ᠠ
      ᠰᠤᠷᠪᠤᠯᠵᠢᠯᠠᠭᠰᠠᠨ ᠴᠠᠭ᠄ 2015 ᠤᠨ᠎ᠤ 6 ᠳ᠋ᠤᠭ᠋ᠠᠷ ᠰᠠᠷ᠎ᠠ ᠵᠢᠨ 10᠎ᠤ ᠦᠳᠡ ᠵᠢᠨ ᠡᠮᠦᠨᠡᠬᠢ 10 ᠴᠠᠭ
      ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠦᠪᠡᠷᠲᠡᠭᠡᠨ ᠵᠠᠰᠠᠬᠤ ᠤᠷᠤᠨ᠎ᠤ ᠲᠠᠷᠢᠶᠠᠯᠠᠨᠭ᠌ ᠮᠠᠯ ᠠᠵᠤ ᠠᠬᠤᠢ ᠵᠢᠨ ᠲᠢᠨᠭᠬᠢᠮ᠎ᠤᠨ ᠳᠡᠳ᠋ ᠳᠠᠷᠤᠭ᠎ᠠ     ᠸᠠᠨᠭ᠌ ᠭᠦᠸᠸ ᠯᠢᠨ

     [ᠬᠦᠲᠦᠯᠦᠭᠴᠢ] ᠰᠦᠯᠵᠢᠶᠡᠨ ᠠᠨᠳᠠ ᠨᠡᠷ ᠡ᠂ ᠲᠠ ᠪᠦᠬᠦᠨ ᠰᠠᠢ᠌ᠨ ᠪᠠᠢ᠌ᠵᠠᠭ᠋ᠠᠨ᠎ᠠ ᠤᠤ? ᠲᠤᠰ ᠬᠤᠭᠤᠴᠠᠭ᠋ᠠᠨ᠎ᠤ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶ᠎ᠡ ᠵᠢᠨ ᠰᠤᠷᠪᠤᠯᠵᠢᠯᠠᠨ ᠶᠠᠷᠢᠯᠴᠠᠬᠤ ᠫᠷᠤᠭ᠌ᠷᠠᠮ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳᠡ ᠦᠪᠡᠷᠲᠡᠭᠡᠨ ᠵᠠᠰᠠᠬᠤ ᠤᠷᠤᠨ᠎ᠤ ᠲᠠᠷᠢᠶᠠᠯᠠᠨᠭ᠌ ᠮᠠᠯ ᠠᠵᠤ ᠠᠬᠤᠢ ᠵᠢᠨ ᠲᠢᠨᠭᠬᠢᠮ᠎ᠤᠨ ᠳᠡᠳ᠋ ᠳᠠᠷᠤᠭ᠎ᠠ ᠸᠠᠨᠭ᠌ ᠭᠦᠸᠸ ᠯᠢᠨ᠎ᠢ ᠤᠷᠢᠵᠤ 2015 —2017 ᠤᠨ᠎ᠤ ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠮᠠᠰᠢᠨ ᠪᠠᠭ᠋ᠠᠵᠢ ᠬᠤᠳᠠᠯᠳᠤᠨ ᠠᠪᠬᠤ᠎ᠳᠤ ᠨᠥᠬᠥᠪᠥᠷᠢ ᠥᠭᠬᠦ ᠲᠥᠷᠥ ᠵᠢᠨ ᠪᠣᠳᠣᠯᠭ᠎ᠠ ᠵᠢ   ᠲᠠᠢ᠌ᠯᠪᠤᠷᠢᠯᠠᠭᠤᠯᠬᠤ ᠵᠢᠨ ᠬᠠᠮᠲᠤ ᠰᠦᠯᠵᠢᠶᠡᠨ ᠠᠨᠳᠠ ᠨᠡᠷ᠎ᠤᠨ ᠰᠡᠳᠬᠢᠯ ᠲᠠᠯᠪᠢᠵᠤ ᠪᠠᠶ᠋ᠢᠭ᠎ᠠ ᠠᠰᠠᠭᠤᠯᠲᠠ ᠵᠢ ᠬᠠᠷᠢᠭᠤᠯᠬᠤ᠎ᠪᠠᠷ ᠪᠤᠯᠪᠠ᠃ ᠸᠠᠩ ᠲᠢᠩᠬᠢᠮ᠎ᠤᠨ ᠳᠠᠷᠤᠭ᠎ᠠ ᠡ᠂ ᠲᠠᠨ᠎ᠢ ᠪᠠᠶᠠᠷᠯᠠᠨ ᠤᠭᠲᠤᠵᠤ ᠪᠠᠢ᠌ᠨ᠎ᠠ!
     [ᠸᠠᠨᠭ᠌ ᠬᠦᠸᠸ ᠯᠢᠨ] ᠬᠦᠲᠦᠯᠦᠭᠴᠢ ᠰᠠᠶ᠋ᠢᠨ ᠤᠤ? ᠰᠦᠯᠵᠢᠶᠡᠨ ᠠᠨᠳᠠ ᠨᠡᠷ ᠰᠠᠶ᠋ᠢᠨ ᠪᠠᠢ᠌ᠵᠠᠭ᠋ᠠᠨᠠᠤ? ᠡᠨᠳᠡ ᠰᠦᠯᠵᠢᠶ᠎ᠡ᠎ᠪᠠᠷ ᠳᠠᠮᠵᠢᠭᠤᠯᠤᠨ ᠲᠠ ᠪᠦᠬᠦᠨ᠎ᠲᠠᠢ ᠵᠤᠭᠤᠭᠳᠠᠬᠤ ᠪᠤᠯᠤᠭᠰᠠᠨ᠎ᠳᠠᠭᠠᠨ ᠮᠠᠰᠢ ᠪᠠᠶᠠᠷᠯᠠᠵᠤ ᠪᠠᠢ᠌ᠨ᠎ᠠ᠃ ᠰᠦᠯᠵᠢᠶᠡᠨ ᠠᠨᠳᠠ ᠨᠠᠷ ᠲᠠᠷᠢᠶᠠᠯᠠᠨᠭ᠌ ᠮᠠᠯ ᠠᠵᠤ ᠠᠬᠤᠢ ᠵᠢᠨ ᠲᠢᠨᠭᠬᠢᠮ᠎ᠤᠨ ᠡᠯ᠎ᠡ ᠵᠦᠢ᠍ᠯ᠎ᠤᠨ ᠠᠵᠢᠯ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ᠎ᠳᠤ ᠲᠠᠯᠠᠷᠬᠠᠵᠤ ᠪᠠᠢ᠌ᠨ᠎ᠠ!
     [ᠬᠦᠲᠦᠯᠦᠭᠴᠢ]   ᠦᠨᠭᠭᠡᠷᠡᠭᠰᠡᠨ ᠵᠢᠯ᠎ᠤᠳ᠎ᠤᠨ᠎ᠬᠢ᠎ᠲᠠᠢ ᠬᠠᠷᠢᠴᠠᠭᠤᠯᠪᠠᠯ᠂ ᠬᠣᠶ᠋ᠢᠰᠢᠳᠠ ᠵᠢᠨ ᠭᠤᠷᠪᠠᠨ ᠵᠢᠯ᠎ᠳᠤ ᠮᠠᠨ᠎ᠤ ᠤᠷᠤᠨ᠎ᠤ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ᠎ᠳᠠᠬᠢ ᠨᠥᠬᠥᠪᠥᠷᠢ ᠦᠭᠭᠦ ᠲᠥᠷᠥ ᠵᠢᠨ ᠪᠣᠳᠣᠯᠭ᠎ᠠ᠎ᠳᠤ ᠶᠠᠮᠠᠷ ᠰᠢᠨ᠎ᠡ ᠬᠤᠪᠢᠷᠠᠯᠲᠠ᠎ᠲᠠᠢ ᠪᠤᠯᠬᠤ ᠪᠤᠶ?
     [ᠸᠠᠨᠭ᠌ ᠬᠦᠸᠸ ᠯᠢᠨ] 2015 ᠣᠨ᠎ᠠᠴᠠ ᠡᠬᠢᠯᠡᠨ ᠮᠠᠨ᠎ᠤ ᠣᠷᠣᠨ ᠲᠠᠷᠢᠶᠠᠯᠠᠩ᠎ᠤᠨ ᠮᠠᠰᠢᠨ ᠪᠠᠭ᠋ᠠᠵᠢ ᠬᠤᠳᠠᠯᠳᠤᠨ ᠠᠪᠬᠤ᠎ᠳᠠᠬᠢ ᠨᠥᠬᠥᠪᠥᠷᠢ ᠥᠭᠬᠦ ᠲᠥᠷᠥ ᠵᠢᠨ ᠪᠣᠳᠣᠯᠭ᠎ᠠ᠎ᠳᠤ ᠴᠢᠬᠤᠯᠠ ᠶᠡᠬᠡ ᠥᠭᠡᠷᠡᠴᠢᠯᠡᠯᠲᠡ ᠬᠢᠵᠤ ᠰᠢᠨ᠎ᠡ ᠵᠢ ᠡᠭᠦᠳᠪᠡ᠂ 《  ᠮᠠᠰᠢᠨ ᠬᠤᠳᠠᠯᠳᠤᠨ ᠠᠪᠬᠤ ᠵᠢ ᠴᠢᠯᠦᠭᠡᠲᠠᠢ ᠲᠠᠯᠪᠢᠬᠤ᠂ ᠪᠠᠷᠢᠮᠲᠠ᠎ᠪᠠᠷ ᠵᠶ᠋ᠠᠨ ᠭᠤᠶᠤᠴᠢᠯᠠᠬᠤ᠂ ᠬᠤᠳᠠᠯᠳᠤᠨ ᠠᠪᠬᠤ ᠪᠠ ᠨᠥᠬᠥᠪᠥᠷᠢ ᠦᠭᠭᠦ ᠵᠢ ᠰᠠᠯᠭ᠋ᠠᠬᠤ᠂ ᠬᠦᠢ᠍ᠴᠡᠳᠭᠡᠬᠦ ᠵᠢ ᠳᠦᠭᠦᠮᠴᠢᠯᠡᠬᠦ》 ᠠᠷᠭ᠎ᠠ ᠵᠢ ᠬᠡᠷᠡᠭᠵᠢᠬᠦᠯᠦᠭᠰᠡᠨ᠎ᠨᠢ ᠲᠠᠷᠢᠶᠠᠴᠢᠳ᠎ᠤᠨ ᠡᠵᠡᠨ ᠮᠡᠳᠡᠬᠦ ᠡᠷᠬᠡ ᠵᠢ ᠬᠦᠨᠳᠦᠳᠭᠡᠵᠤ ᠪᠠᠢ᠌ᠭ᠎ᠠ ᠪᠠ ᠵᠠᠬ᠎ᠠ ᠳᠡᠯᠭᠡᠭᠦᠷᠴᠢᠯᠡᠬᠦ ᠬᠡᠷᠡᠭᠯᠡᠭᠡ᠎ᠳᠤ ᠨᠡᠢ᠌ᠴᠡᠭᠦᠯᠬᠦ ᠵᠠᠷᠴᠢᠮ᠎ᠢ ᠨᠡᠨᠭ ᠢᠯᠡᠭᠦᠦ ᠬᠠᠷᠠᠭᠤᠯᠵᠤ᠂ ᠲᠥᠷᠥ ᠵᠢᠨ ᠪᠣᠳᠣᠯᠭ᠎ᠠ ᠵᠢ ᠬᠡᠷᠡᠭᠵᠢᠬᠦᠯᠬᠦ ᠬᠠᠨᠳᠤᠯᠭ᠋ᠠᠲᠤ ᠴᠢᠨᠠᠷ᠂ ᠲᠣᠭᠲᠠᠪᠤᠷᠢᠲᠤ ᠴᠢᠨᠠᠷ᠂ ᠨᠡᠢ᠌ᠳᠡᠮ ᠠᠰᠢᠭ ᠬᠦᠷᠲᠡᠭᠡᠬᠦ ᠴᠢᠨᠠᠷ᠂ ᠠᠶᠤᠯ ᠦᠭᠡᠢ ᠴᠢᠨᠠᠷ᠎ᠢ ᠬᠦᠴᠦᠯᠡᠨ ᠠᠬᠢᠭᠤᠯᠵᠤ᠂ ᠪᠡᠯᠡ ᠮᠦᠨᠭᠭᠦ ᠵᠢᠨ ᠠᠮᠤᠷ ᠲᠦᠪᠰᠢᠨ ᠪᠠ ᠺᠠᠳ᠋ᠷ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠨᠥᠬᠥᠪᠥᠷᠢ ᠥᠭᠬᠦ ᠲᠥᠷᠥ ᠵᠢᠨ ᠪᠣᠳᠣᠯᠭ᠎ᠠ ᠵᠢ ᠥᠨᠳᠥᠷ ᠦᠷ᠎ᠡ ᠪᠦᠲᠦᠮᠵᠢᠲᠡᠶ ᠠᠶᠤᠯ ᠦᠭᠡᠶ ᠬᠡᠷᠡᠭᠵᠢᠬᠦᠯᠬᠦ ᠵᠢ ᠦᠨᠡᠨ ᠬᠦ᠌ ᠪᠠᠲᠤᠯᠠᠪᠠ᠃ ᠡᠭᠦᠨ᠎ᠳᠤ ᠭᠣᠣᠯᠳᠠᠭᠤ ᠳᠣᠣᠷᠠᠬᠢ ᠬᠡᠳᠦᠨ ᠲᠠᠯ᠎ᠠ᠎ᠪᠠᠷ ᠲᠣᠬᠢᠷᠠᠭᠤᠯᠤᠯᠲᠠ ᠬᠢᠪᠡ᠄ ᠨᠢᠭᠡ᠎ᠳᠤ ᠠᠵᠢᠯᠯᠠᠭᠤᠯᠬᠤ ᠵᠠᠭᠪᠤᠷ᠎ᠢ 《ᠤᠷᠢᠳᠠᠪᠠᠷ ᠭᠤᠶᠤᠴᠢᠯᠠᠵᠤ ᠳᠠᠷᠠᠭ᠎ᠠ᠎ᠨᠢ ᠮᠠᠰᠢᠨ ᠬᠤᠳᠠᠯᠳᠤᠨ ᠠᠪᠴᠤ ᠳᠠᠬᠢᠭ᠋ᠠᠳ ᠨᠥᠬᠥᠪᠥᠷᠢ ᠥᠭᠬᠦ》 ᠪᠠᠢ᠌ᠭᠰᠠᠨ᠎ᠢ 《ᠤᠷᠢᠳᠠᠪᠠᠷ ᠮᠠᠰᠢᠨ ᠬᠤᠳᠠᠯᠳᠤᠨ ᠠᠪᠴᠤ ᠳᠠᠷᠠᠭ᠎ᠠ᠎ᠪᠠᠷ ᠨᠥᠬᠥᠪᠥᠷᠢ ᠠᠪᠬᠤ ᠵᠢ ᠭᠤᠶᠤᠴᠢᠯᠠᠬᠤ》 ᠪᠤᠯᠭ᠋ᠠᠨ ᠬᠤᠪᠢᠷᠠᠭᠤᠯᠵᠤ ᠬᠤᠳᠠᠯᠳᠤᠨ ᠠᠪᠬᠤ ᠪᠠ ᠨᠦᠬᠦᠪᠦᠷᠢ ᠦᠭᠭᠦ ᠵᠢ ᠰᠠᠯᠭ᠋ᠠᠪᠠ᠃ ᠬᠣᠶᠠᠷ᠎ᠲᠤ ᠨᠥᠬᠥᠪᠥᠷᠢ ᠦᠭᠭᠦ ᠦᠢ᠍ᠯᠡᠳᠬᠦᠨ᠎ᠤ ᠵᠠᠬ᠎ᠠ ᠲᠡᠯᠬᠡᠬᠦᠷᠴᠢᠯᠡᠬᠦ ᠥᠭᠡᠷᠡᠴᠢᠯᠡᠯᠲᠡ ᠵᠢ ᠠᠯᠬᠤᠮ ᠠᠯᠬᠤᠮ ᠵᠶ᠋ᠠᠷ ᠳᠥᠯᠭᠢᠨ ᠠᠬᠢᠭᠤᠯᠵᠤ᠂ ᠨᠥᠬᠥᠪᠥᠷᠢ ᠦᠭᠭᠦ ᠮᠠᠰᠢᠨ ᠪᠠᠭ᠋ᠠᠵᠢ ᠵᠢ ᠮᠠᠨ᠎ᠤ ᠤᠯᠤᠰ᠎ᠤᠨ ᠬᠡᠪᠴᠢᠶᠡᠨ᠎ᠳᠤ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠪᠦᠲᠦᠮᠵᠢᠲᠡᠶ ᠳᠡᠯᠭᠡᠷᠡᠭᠦᠯᠬᠦ᠎ᠪᠠᠷ ᠬᠢᠨᠠᠨ ᠲᠤᠭᠲᠠᠭ᠋ᠠᠭᠰᠠᠨ ᠦᠨᠡᠮᠯᠡᠯ ᠤᠯᠤᠭᠰᠠᠨ ᠦᠢ᠍ᠯᠡᠳᠬᠦᠨ ᠪᠤᠯᠭ᠋ᠠᠵᠤ᠂ ᠳᠡᠯᠭᠡᠷᠡᠭᠦᠯᠬᠦ ᠵᠢ ᠳᠡᠮᠵᠢᠬᠦ ᠭᠠᠷᠴᠠᠭ᠎ᠠᠴᠠ ᠰᠠᠯᠭ᠋ᠠᠪᠠ᠃ ᠭᠤᠷᠪᠠ᠎ᠳᠤ ᠨᠦᠬᠦᠪᠦᠷᠢ ᠤᠯᠤᠭᠰᠠᠳ᠎ᠲᠤ ᠲᠣᠬᠢᠷᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ᠎ᠤ ᠳᠤᠲᠤᠷᠠᠬᠢ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ ᠬᠢᠵᠦ ᠪᠠᠶ᠋ᠢᠭ᠎ᠠ ᠪᠤᠶ ᠪᠦᠬᠦᠢ ᠬᠤᠪᠢ ᠬᠥᠮᠦᠨ ᠪᠠ ᠡᠵᠡᠩᠨᠡᠯᠲᠡ ᠵᠢᠨ ᠵᠣᠬᠢᠶᠠᠨ ᠪᠠᠶ᠋ᠢᠭᠤᠯᠤᠯᠲᠠ᠎ᠳᠤ ᠬᠦᠷᠲᠡᠯ᠎ᠡ ᠥᠷᠭᠡᠳᠬᠡᠵᠦ᠂ ᠪᠤᠳᠠᠲᠠᠢ ᠡᠯ᠎ᠡ ᠠᠶ᠋ᠢᠮᠠᠭ ᠬᠣᠲᠠ᠎ᠨᠤᠭᠤᠳ ᠮᠠᠯᠴᠢᠨ ᠲᠠᠷᠢᠶᠠᠴᠢᠳ᠎ᠤᠨ ᠬᠤᠳᠠᠯᠳᠤᠨ ᠠᠪᠬᠤ ᠴᠢᠳᠠᠪᠤᠷᠢ ᠪᠠ ᠡᠳ᠋᠎ᠤᠨ ᠵᠠᠰᠠᠭ᠎ᠤᠨ ᠪᠡᠯᠡ ᠮᠦᠨᠭᠭᠦ ᠵᠢᠨ ᠪᠠᠶ᠋ᠢᠳᠠᠯ ᠵᠶ᠋ᠠᠨ ᠦᠨᠳᠦᠰᠦᠯᠡᠨ ᠲᠤᠭᠲᠠᠭ᠋ᠠᠬᠤ ᠪᠤᠯᠭ᠋ᠠᠪᠠ᠃ ᠳᠥᠷᠪᠡ᠎ᠳᠤ ᠭᠣᠣᠯᠳᠠᠯᠭ᠎ᠠ ᠵᠢ ᠳᠤᠪᠤᠢ᠌ᠯᠭ᠋ᠠᠨ ᠦᠢ᠍ᠯᠡᠳᠭᠦᠨ᠎ᠤ ᠨᠡᠷ᠎ᠡ ᠲᠥᠷᠥᠯ᠎ᠢ ᠪᠠᠭ᠋ᠠᠰᠬᠠᠵᠤ᠂ 2014 ᠣᠨ᠎ᠤ 89 ᠦᠢ᠍ᠯᠡᠳᠭᠦᠨ᠎ᠤ ᠨᠡᠷ᠎ᠡ ᠲᠥᠷᠥᠯ ᠪᠠᠢ᠌ᠭᠰᠠᠨ᠎ᠠᠴᠠ᠎ᠨᠢ ᠡᠨᠡ ᠵᠢᠯ᠎ᠤᠨ 59 ᠦᠢ᠍ᠯᠡᠳᠭᠦᠨ᠎ᠤ ᠨᠡᠷ᠎ᠡ ᠲᠥᠷᠥᠯ ᠪᠤᠯᠲᠠᠯ᠎ᠠ ᠪᠠᠭ᠋ᠠᠰᠬᠠᠪᠠ᠃ ᠲᠠᠪᠤ᠎ᠳᠤ ᠡᠵᠡᠨᠭᠨᠡᠨ ᠪᠤᠷᠤᠯᠠᠭᠤᠯᠬᠤ ᠬᠤᠳᠠᠯᠳᠤᠭ᠋ᠠᠴᠢᠨ᠎ᠢ ᠨᠥᠬᠥᠪᠥᠷᠢ ᠥᠭᠬᠦ ᠲᠥᠷᠥ ᠵᠢᠨ ᠪᠣᠳᠣᠯᠭ᠎ᠠ ᠵᠢᠨ ᠠᠵᠢᠯᠯᠠᠭᠤᠯᠬᠤ ᠴᠤᠪᠤᠷᠠᠯ᠎ᠳᠤ ᠤᠷᠤᠯᠴᠠᠭᠤᠯᠬᠤ ᠦᠭᠡᠢ ᠪᠠᠵᠤ᠂ ᠦᠢ᠍ᠯᠡᠳᠪᠦᠷᠢᠯᠡᠭᠰᠡᠨ ᠠᠵᠤ ᠠᠬᠤᠶ᠋ᠢᠯᠠᠯ᠎ᠠᠴᠠ ᠡᠵᠡᠩᠨᠡᠨ ᠪᠣᠷᠣᠯᠠᠭᠤᠯᠬᠤ ᠬᠤᠳᠠᠯᠳᠤᠭ᠋ᠠᠴᠢᠨ᠎ᠢ ᠡᠵᠡᠨ ᠮᠡᠳᠡᠵᠤ ᠲᠤᠭᠲᠠᠭ᠋ᠠᠬᠤ ᠵᠢᠨ ᠬᠠᠮᠲᠤ ᠡᠷᠭᠡ ᠤᠯᠤᠭᠰᠠᠨ ᠡᠵᠡᠩᠨᠡᠨ ᠪᠣᠷᠣᠯᠠᠭᠤᠯᠬᠤ ᠬᠤᠳᠠᠯᠳᠤᠭ᠋ᠠᠴᠢᠨ᠎ᠤ ᠡᠵᠡᠨᠭᠨᠡᠵᠤ ᠪᠠᠢ᠌ᠭ᠎ᠠ ᠨᠥᠬᠥᠪᠥᠷᠢ ᠦᠭᠭᠦ ᠦᠢ᠍ᠯᠡᠳᠬᠦᠨ᠎ᠢ ᠡᠵᠡᠨᠭᠨᠡᠨ ᠪᠤᠷᠤᠯᠠᠭᠤᠯᠬᠤ ᠦᠢ᠍ᠯᠡ ᠠᠵᠢᠯᠯᠠᠭ᠎ᠠ᠎ᠳᠤ ᠵᠤᠬᠢᠴᠠᠨᠭ᠌ᠭᠤᠢ ᠬᠠᠷᠢᠭᠤᠴᠠᠯᠭ᠎ᠠ ᠡᠭᠦᠷᠭᠡᠯᠡᠨ᠎ᠡ᠃

     [ᠬᠦᠲᠦᠯᠦᠭᠴᠢ] ᠲᠠ ᠮᠠᠨ᠎ᠳᠤ ᠮᠠᠨ᠎ᠤ ᠣᠷᠣᠨ᠎ᠤ ᠲᠠᠷᠢᠶᠠᠯᠠᠩ᠎ᠤᠨ ᠮᠠᠰᠢᠨᠴᠢᠯᠠᠯᠲᠠ ᠵᠢᠨ ᠬᠥᠭᠵᠢᠯᠲᠡ ᠵᠢᠨ ᠣᠳᠣᠬᠢ ᠪᠠᠶ᠋ᠢᠳᠠᠯ᠎ᠢ ᠲᠠᠨᠢᠯᠴᠠᠭᠤᠯᠤᠭ᠋ᠠᠳ ᠦᠭᠭᠦᠨ᠎ᠡ ᠤᠤ?

     [ᠸᠠᠨᠭ᠌ ᠬᠦᠸᠸ ᠯᠢᠨ] 2014 ᠣᠨ᠎ᠳᠤ᠂ ᠪᠦᠬᠦ ᠣᠷᠣᠨ᠎ᠤ ᠲᠠᠷᠢᠶᠠᠯᠠᠩ᠎ᠤᠨ ᠮᠠᠰᠢᠨ᠎ᠤ ᠶᠡᠷᠦᠨᠭᠭᠡᠢ᠌ᠯᠡᠭᠰᠡᠨ ᠮᠠᠰᠢᠨᠴᠢᠯᠡᠯᠲᠠ ᠵᠢᠨ ᠬᠢᠷᠢ ᠬᠡᠮᠵᠢᠶ᠎ᠡ 79.8%᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ ᠵᠠᠭᠤᠨ᠎ᠤ ᠴᠡᠭ᠎ᠤᠨ 3.8 ᠨᠡᠮᠡᠭᠳᠡᠵᠤ᠂ ᠪᠦᠬᠦ ᠤᠯᠤᠰ᠎ᠤᠨ ᠳᠤᠮᠳᠠᠴᠢ ᠬᠢᠷᠢ ᠬᠡᠮᠵᠢᠶ᠎ᠡ᠎ᠠᠴᠠ ᠵᠠᠭᠤᠨ᠎ᠤ ᠴᠡᠭ᠎ᠤᠨ 19 ᠳᠡᠭᠡᠭᠦᠷ ᠪᠤᠯᠪᠠ᠃ ᠭᠣᠣᠯ ᠪᠤᠯᠬᠤ ᠲᠠᠷᠢᠮᠠᠯ ᠡᠷᠳᠡᠨᠢ ᠰᠢᠰᠢ᠂ ᠲᠥᠮᠥᠰᠥ ᠵᠢᠨ ᠮᠠᠰᠢᠨ ᠵᠶ᠋ᠠᠷ ᠬᠤᠷᠢᠶᠠᠬᠤ ᠬᠢᠷᠢ ᠬᠡᠮᠵᠢᠶ᠎ᠡ ᠲᠤᠰ ᠲᠤᠰ 47.4% ᠪᠠ 63.9%᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ ᠲᠤᠰ ᠲᠤᠰ ᠵᠠᠭᠤᠨ᠎ᠤ ᠴᠡᠭ᠎ᠤᠨ 9.2 ᠪᠠ 3.1 ᠳᠡᠭᠡᠭᠰᠢᠯᠡᠪᠡ᠃ ᠪᠦᠬᠦ ᠣᠷᠣᠨ᠎ᠤ ᠲᠠᠷᠢᠶᠠᠯᠠᠩ᠎ᠤᠨ ᠮᠠᠰᠢᠨ᠎ᠤ ᠶᠡᠷᠦᠩᠬᠡᠶ ᠬᠥᠳᠡᠯᠭᠡᠬᠦ ᠬᠦᠴᠦᠨ 3631.4 ᠲᠦᠮᠡᠨ ᠺᠢᠯᠣᠸᠠᠲ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5. 8 %᠎ᠪᠠᠷ ᠨᠡᠮᠡᠭᠳᠡᠪᠡ; ᠲᠷᠠᠺᠲ᠋ᠣᠷ᠎ᠤᠨ ᠶᠡᠷᠦᠩᠬᠡᠶ   ᠲᠣᠭ᠎ᠠ 107.9 ᠲᠦᠮᠡ᠎ᠳᠤ ᠬᠦᠷᠴᠦ᠂ ᠡᠭᠦᠨ᠎ᠳᠤ ᠲᠣᠮᠣ ᠳᠤᠮᠳᠠ ᠬᠡᠯᠪᠡᠷᠢ ᠵᠢᠨ ᠲᠷᠠᠺᠲ᠋ᠣᠷ᠎ᠤᠨ ᠬᠡᠮᠵᠢᠶ᠎ᠡ 67 ᠲᠦᠮᠡ ᠵᠢ ᠳᠠᠪᠠᠪᠠ᠃ ᠪᠦᠬᠦ ᠣᠷᠣᠨ᠎ᠳᠤ ᠲᠠᠷᠢᠶᠠᠯᠠᠩ᠎ᠤᠨ ᠮᠠᠰᠢᠨ᠎ᠤ ᠲᠤᠰᠬᠠᠶ ᠠᠵᠢᠯ᠎ᠤᠨ ᠬᠣᠷᠰᠢᠶ᠎ᠠ 251 ᠰᠢᠨ᠎ᠡ᠎ᠪᠠᠷ ᠨᠡᠮᠡᠭᠳᠡᠵᠤ᠂ ᠶᠡᠷᠦᠩᠬᠡᠶ ᠲᠣᠭ᠎ᠠ᠎ᠨᠢ 1481᠎ᠳᠤ ᠬᠦᠷᠪᠡ᠃ ᠲᠠᠷᠢᠶᠠᠯᠠᠩ᠎ᠤᠨ ᠮᠠᠰᠢᠨ᠎ᠤ ᠲᠤᠰᠬᠠᠢ ᠠᠵᠢᠯ᠎ᠤᠨ ᠬᠣᠷᠰᠢᠶ᠎ᠠ ᠪᠣᠯᠤᠨ ᠲᠠᠷᠢᠶᠠᠯᠠᠩ᠎ᠤᠨ ᠮᠠᠰᠢᠨ᠎ᠤ ᠲᠣᠮᠣ ᠡᠷᠦᠬᠡ᠎ᠪᠠᠷ ᠭᠣᠣᠯ ᠬᠦᠴᠦᠨ ᠪᠣᠯᠭ᠋ᠠᠭᠰᠠᠨ ᠲᠠᠷᠢᠶᠠᠨ ᠭᠠᠵᠠᠷ᠎ᠤᠨ ᠠᠵᠢᠯ᠎ᠤᠨ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠪᠦᠬᠦ ᠲᠠᠷᠢᠶᠠᠯᠠᠩ᠎ᠤᠨ ᠮᠠᠰᠢᠨ᠎ᠤ ᠠᠵᠢᠯᠯᠠᠬᠤ ᠲᠠᠯᠠᠪᠠᠶ᠎ᠳᠤ ᠡᠵᠡᠯᠡᠵᠤ ᠪᠠᠢ᠌ᠭ᠎ᠠ ᠬᠤᠪᠢ ᠵᠢᠨ ᠵᠢᠩ 29.1%᠎ᠳᠤ ᠬᠦᠷᠴᠦ᠂ ᠲᠠᠷᠢᠶᠠᠯᠠᠩ᠎ᠤᠨ ᠮᠠᠰᠢᠨ᠎ᠤ ᠵᠣᠬᠢᠶᠠᠨ ᠪᠠᠢ᠌ᠭᠤᠯᠤᠯᠲᠠᠴᠢᠯᠠᠯᠲᠠ᠂ ᠬᠡᠪᠴᠢᠶᠡᠵᠢᠯᠲᠡ᠂ ᠠᠵᠤ ᠦᠢ᠍ᠯᠡᠰᠴᠢᠯᠡᠯᠲᠡ ᠵᠢᠨ ᠬᠡᠮᠵᠢᠶ᠎ᠡ ᠲᠠᠰᠤᠷᠠᠯᠲᠠ ᠦᠭᠡᠶ ᠳᠡᠭᠡᠭᠰᠢᠯᠡᠪᠡ᠃ ᠬᠠᠮᠠᠭ᠋ᠠᠯᠠᠯᠲᠠ ᠵᠢᠨ ᠴᠢᠨᠠᠷᠲᠠᠶ ᠲᠠᠷᠢᠶᠠᠯᠠᠬᠤ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠭᠰᠡᠨ ᠶᠠᠪᠤᠳᠠᠯ᠎ᠨᠢ ᠮᠡᠷᠭᠡᠵᠢᠯ᠎ᠤᠨ ᠨᠢᠭᠡᠳᠦᠮᠡᠯᠵᠢᠯᠲᠡ᠂ ᠠᠵᠢᠯᠯᠠᠭᠤᠯᠭ᠎ᠠ ᠵᠢᠨ ᠬᠡᠪᠴᠢᠶᠡᠵᠢᠯᠲᠡ᠂ ᠲᠣᠭᠲᠠᠴᠠ ᠵᠢᠨ ᠰᠢᠨ᠎ᠡ ᠵᠢ ᠡᠭᠦᠳᠭᠦ ᠬᠠᠨᠳᠤᠰᠢ ᠵᠢ ᠢᠯᠡᠷᠡᠭᠦᠯᠪᠡ᠃ ᠪᠦᠬᠦ ᠣᠷᠣᠨ᠎ᠤ ᠬᠠᠮᠠᠭ᠋ᠠᠯᠠᠯᠲᠠ ᠵᠢᠨ ᠴᠢᠨᠠᠷᠲᠠᠶ ᠲᠠᠷᠢᠶᠠᠯᠠᠬᠤ ᠲᠠᠯᠠᠪᠠᠶ 1920.8 ᠲᠦᠮᠡᠨ ᠮᠥ᠍᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 115.8 ᠲᠦᠮᠡᠨ ᠮᠥ᠍ ᠨᠡᠮᠡᠭᠳᠡᠪᠡ᠃ ᠪᠦᠬᠦ ᠣᠷᠣᠨ᠎ᠳᠤ 5.8 ᠲᠦᠮᠡᠨ ᠲᠷᠠᠺᠲ᠋ᠣᠷ ᠪᠠ   ᠬᠠᠳᠤᠵᠤ ᠬᠤᠷᠢᠶᠠᠬᠤ ᠬᠠᠮ ᠮᠠᠰᠢᠨ ᠰᠢᠨ᠎ᠡ᠎ᠪᠠᠷ ᠳᠠᠨᠭ᠌ᠰᠠᠯᠠᠭᠤᠯᠵᠤ᠂ 53.1 ᠲᠦᠮᠡᠨ ᠲᠷᠠᠺᠲ᠋ᠣᠷ ᠰᠢᠯᠭ᠋ᠠᠭᠤᠯᠤᠨ᠂   ᠬᠠᠳᠤᠵᠤ ᠬᠤᠷᠢᠶᠠᠬᠤ ᠬᠠᠮ ᠮᠠᠰᠢᠨ ᠰᠢᠯᠭ᠋ᠠᠭᠤᠯᠤᠨ ᠪᠠᠢ᠌ᠴᠠᠭ᠋ᠠᠯᠭ᠋ᠠᠵᠤ᠂ 3.9 ᠲᠦᠮᠡᠨ ᠵᠢᠯᠤᠭᠤᠴᠢ ᠰᠢᠨ᠎ᠡ᠎ᠪᠠᠷ ᠰᠢᠯᠭ᠋ᠠᠭᠤᠯᠪᠠ᠃
     [ᠬᠦᠲᠦᠯᠦᠭᠴᠢ] ᠡᠨᠡ ᠵᠢᠯ᠎ᠤᠨ ᠮᠠᠨ᠎ᠤ ᠤᠷᠤᠨ᠎ᠤ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠵᠢᠨ ᠨᠥᠬᠥᠪᠥᠷᠢ ᠤᠯᠤᠭᠰᠠᠳ᠎ᠢ ᠬᠡᠷᠬᠢᠨ ᠲᠣᠭᠲᠠᠭ᠋ᠠᠬᠤ ᠪᠤᠶ?
     [ᠸᠠᠨᠭ᠌ ᠬᠦᠸᠸ ᠯᠢᠨ] ᠡᠨᠡ ᠵᠢᠯ ᠮᠠᠨ᠎ᠤ ᠤᠷᠤᠨ᠎ᠤ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠥᠬᠥᠪᠥᠷᠢ ᠵᠢᠨ ᠪᠡᠯᠡ ᠮᠥᠩᠭᠥ ᠵᠢ ᠪᠦᠬᠦ ᠣᠷᠣᠨ᠎ᠤ ᠪᠤᠢ ᠪᠦᠬᠦᠢ ᠲᠠᠷᠢᠶᠠᠯᠠᠩ ᠮᠠᠯ ᠠᠵᠤ ᠠᠬᠤᠶ ᠵᠢᠨ ᠬᠣᠰᠢᠭᠤ ᠰᠢᠶᠠᠨ (ᠲᠠᠯᠠᠪᠠᠶ) ᠵᠢ ᠬᠠᠮᠤᠷᠤᠨ ᠲᠤᠬᠢᠷᠠᠭᠤᠯᠪᠠ᠃ ᠲᠠᠷᠢᠶᠠᠯᠠᠩ᠎ᠤᠨ ᠮᠠᠰᠢᠨ ᠪᠠᠭ᠋ᠠᠵᠢ ᠬᠤᠳᠠᠯᠳᠤᠨ ᠠᠪᠬᠤ᠎ᠳᠤ ᠨᠥᠬᠥᠪᠥᠷᠢ ᠤᠯᠤᠭᠰᠠᠳ ᠪᠤᠯ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ᠎ᠢ ᠰᠢᠭᠤᠳ ᠡᠷᠬᠢᠯᠡᠵᠤ ᠪᠠᠢ᠌ᠭ᠎ᠠ ᠬᠤᠪᠢ ᠬᠥᠮᠦᠨ ᠪᠤᠯᠤᠨ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠵᠣᠬᠢᠶᠠᠨ ᠪᠠᠶ᠋ᠢᠭᠤᠯᠤᠯᠲᠠ ᠪᠤᠯᠤᠨ᠎ᠠ᠃ ᠨᠥᠬᠥᠪᠥᠷᠢ ᠵᠢᠨ ᠪᠡᠯᠡ ᠮᠥᠩᠭᠥ   ᠪᠠᠴᠢᠭᠤ ᠭᠠᠵᠠᠷ ᠣᠷᠣᠨ ᠪᠤᠯ᠂ ᠮᠠᠯᠴᠢᠨ ᠲᠠᠷᠢᠶᠠᠴᠢᠳ᠎ᠲᠤ ᠨᠥᠬᠥᠪᠥᠷᠢ ᠤᠯᠭᠤᠬᠤ ᠵᠢ ᠡᠨᠭ ᠲᠡᠷᠢᠬᠦᠨ᠎ᠳᠤ ᠪᠠᠲᠤᠯᠠᠨ᠂ ᠪᠤᠳᠠᠲᠠᠢ ᠡᠯ᠎ᠡ ᠠᠶ᠋ᠢᠮᠠᠭ ᠬᠣᠲᠠ᠎ᠨᠢ ᠮᠠᠯᠴᠢᠨ ᠲᠠᠷᠢᠶᠠᠴᠢᠳ᠎ᠤᠨ ᠬᠤᠳᠠᠯᠳᠤᠨ ᠠᠪᠬᠤ ᠴᠢᠳᠠᠪᠤᠷᠢ ᠪᠠ ᠡᠳ᠋᠎ᠤᠨ ᠵᠠᠰᠠᠭ᠎ᠤᠨ ᠪᠡᠯᠡ ᠮᠦᠨᠭᠭᠦ ᠵᠢᠨ ᠪᠠᠶ᠋ᠢᠳᠠᠯ ᠵᠶ᠋ᠠᠨ ᠦᠨᠳᠦᠰᠦᠯᠡᠨ ᠲᠣᠭᠲᠠᠭ᠋ᠠᠬᠤ ᠬᠡᠷᠡᠭᠲᠡᠶ᠃

     [ᠬᠥᠲᠥᠯᠦᠭᠴᠢ] ᠲᠠᠷᠢᠶᠠᠯᠠᠩ᠎ᠤᠨ ᠮᠠᠰᠢᠨ ᠪᠠᠭ᠋ᠠᠵᠢ ᠬᠤᠳᠠᠯᠳᠤᠨ ᠠᠪᠬᠤ᠎ᠳᠠᠬᠢ ᠨᠥᠬᠥᠪᠥᠷᠢ ᠵᠢᠨ ᠮᠠᠰᠢᠨ ᠪᠠᠭ᠋ᠠᠵᠢ ᠵᠢᠨ ᠲᠥᠷᠥᠯ ᠵᠦᠢ᠍ᠯ᠎ᠤᠨ ᠬᠡᠪᠴᠢᠶ᠎ᠡ᠎ᠨᠢ ᠶᠠᠭᠤ ᠪᠤᠶ? ᠨᠥᠬᠥᠪᠥᠷᠢ᠎ᠲᠠᠢ ᠮᠠᠰᠢᠨ ᠪᠠᠭ᠋ᠠᠵᠢ ᠵᠢᠨ ᠦᠢ᠍ᠯᠡᠳᠭᠦᠨ᠎ᠢ ᠬᠡᠷᠬᠢᠨ ᠠᠰᠠᠭᠤᠨ ᠯᠠᠪᠯᠠᠬᠤ ᠪᠤᠶ?
     [ᠸᠠᠩ ᠭᠦᠸᠸ ᠯᠢᠨ] ᠨᠥᠬᠥᠪᠥᠷᠢ᠎ᠲᠠᠢ ᠮᠠᠰᠢᠨ ᠪᠠᠭ᠋ᠠᠵᠢ ᠵᠢᠨ ᠲᠥᠷᠥᠯ ᠵᠦᠢ᠍ᠯ᠎ᠳᠤ ᠬᠥᠳᠡᠯᠭᠡᠭᠴᠢ ᠬᠦᠴᠦᠨ᠎ᠤ ᠮᠠᠰᠢᠨ᠂ ᠬᠠᠭ᠋ᠠᠯᠪᠤᠷᠢᠯᠠᠵᠤ ᠲᠡᠭᠰᠢᠯᠡᠬᠦ ᠮᠠᠰᠢᠨ᠂ ᠲᠠᠷᠢᠵᠤ ᠪᠣᠷᠳᠣᠭᠤᠷ ᠣᠷᠣᠭᠤᠯᠬᠤ ᠮᠠᠰᠢᠨ᠂ ᠬᠤᠷᠢᠶᠠᠬᠤ ᠮᠠᠰᠢᠨ ᠵᠡᠷᠭᠡ 10 ᠶᠡᠬᠡ ᠲᠦᠷᠦᠯ᠎ᠤᠨ 59 ᠦᠢ᠍ᠯᠡᠳᠬᠦᠨ᠎ᠤ ᠨᠡᠷ᠎ᠡ ᠲᠥᠷᠥᠯ ᠪᠠᠭᠲᠠᠵᠤ᠂ ᠡᠭᠦᠨ᠎ᠳᠤ ᠠᠴᠢᠶᠠᠯᠠᠬᠤ ᠮᠠᠰᠢᠨ᠂ ᠨᠡᠷᠡᠨ ᠡᠨᠧᠷᠭᠢ ᠵᠢᠨ ᠲᠥᠬᠥᠭᠡᠷᠦᠮᠵᠢ᠂ ᠰᠠᠯᠬᠢ ᠭᠡᠷᠡᠯ ᠬᠠᠷᠢᠯᠴᠠᠨ ᠨᠥᠬᠥᠪᠦᠷᠢᠯᠡᠬᠦ ᠲᠥᠬᠥᠭᠡᠷᠦᠮᠵᠢ ᠵᠡᠷᠭᠡ 7 ᠦᠢ᠍ᠯᠡᠳᠬᠦᠨ᠎ᠤ ᠨᠡᠷ᠎ᠡ ᠲᠥᠷᠥᠯ ᠵᠥᠪᠬᠡᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠪᠡᠯᠡ ᠮᠥᠩᠭᠥ᠎ᠪᠠᠷ ᠮᠠᠯᠵᠢᠬᠤ ᠣᠷᠣᠨ᠎ᠤ ᠮᠠᠯᠴᠢᠳ᠎ᠲᠤ ᠨᠥᠬᠥᠪᠦᠷᠢ ᠣᠯᠭᠣᠬᠤ᠎ᠪᠠᠷ ᠬᠢᠵᠠᠭ᠋ᠠᠷᠯᠠᠨ᠎ᠠ᠃ ᠪᠤᠳᠠᠲᠠᠢ ᠪᠠᠢ᠌ᠳᠠᠯ᠎ᠢ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ ᠵᠢᠨ ᠮᠠᠰᠢᠨᠴᠢᠯᠠᠯᠲᠠ ᠵᠢᠨ ᠮᠡᠳᠡᠭᠡ ᠵᠠᠩᠭᠢ ᠵᠢᠨ ᠰᠦᠯᠵᠢᠶᠡᠨ᠎ᠤ ᠥᠪᠥᠷ ᠮᠣᠩᠭᠣᠯ᠎ᠤᠨ ᠲᠠᠷᠢᠶᠠᠯᠠᠩ᠎ᠤᠨ ᠮᠠᠰᠢᠨ ᠪᠠᠭ᠋ᠠᠵᠢ ᠬᠤᠳᠠᠯᠳᠤᠨ ᠠᠪᠬᠤ᠎ᠳᠠᠬᠢ ᠨᠥᠬᠥᠪᠥᠷᠢ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠲᠤᠰᠬᠠᠶ ᠪᠤᠯᠤᠩ᠎ᠠᠴᠠ ᠦᠵᠡᠭᠡᠷᠡᠢ᠃ ᠨᠥᠬᠥᠪᠥᠷᠢ ᠵᠢᠨ ᠦᠢ᠍ᠯᠡᠳᠬᠡᠬᠦᠨ᠎ᠢ ᠲᠠᠷᠢᠶᠠᠯᠠᠩ᠎ᠤᠨ ᠮᠠᠰᠢᠨ ᠪᠠᠭ᠋ᠠᠵᠢ ᠬᠤᠳᠠᠯᠳᠤᠨ ᠠᠪᠬᠤ ᠨᠥᠬᠥᠪᠥᠷᠢ ᠵᠢᠨ ᠬᠠᠪᠰᠤᠷᠤᠮᠵᠢ ᠬᠠᠮᠢᠶᠠᠷᠤᠯᠲᠠ ᠵᠢᠨ ᠰᠢᠰᠲ᠋ᠧᠮ᠎ᠤᠨ ᠲᠡᠷᠢᠭᠦᠨ ᠨᠢᠭᠤᠷ᠎ᠤᠨ ᠨᠥᠬᠥᠪᠥᠷᠢ ᠵᠢᠨ ᠮᠡᠳᠡᠭᠡ ᠵᠠᠩᠭᠢ ᠵᠢ ᠯᠠᠪᠯᠠᠨ ᠠᠰᠠᠭᠤᠬᠤ ᠲᠤᠰᠬᠠᠶ ᠪᠤᠯᠤᠩ᠎ᠠᠴᠠ ᠦᠵᠡᠭᠡᠷᠡᠢ᠃
     [ᠬᠥᠲᠥᠯᠦᠭᠴᠢ] ᠨᠥᠬᠥᠪᠥᠷᠢ᠎ᠲᠠᠢ ᠮᠠᠰᠢᠨ ᠪᠠᠭ᠋ᠠᠵᠢ ᠵᠢᠨ ᠨᠥᠬᠥᠪᠥᠷᠢ ᠥᠭᠬᠦ ᠪᠠᠷᠢᠮᠵᠢᠶ᠎ᠠ ᠵᠢ ᠬᠡᠷᠬᠢᠨ   ᠲᠣᠭᠲᠠᠭ᠋ᠠᠬᠤ ᠪᠤᠶ?

     [ᠸᠠᠩ ᠭᠦᠸᠸ ᠯᠢᠨ] ᠨᠥᠬᠥᠪᠥᠷᠢ᠎ᠲᠠᠢ ᠮᠠᠰᠢᠨ ᠪᠠᠭ᠋ᠠᠵᠢ᠎ᠳᠤ ᠨᠤᠷᠮᠠᠴᠢᠯᠠᠭᠰᠠᠨ ᠨᠥᠬᠥᠪᠥᠷᠢ ᠥᠭᠬᠦ ᠵᠢ ᠬᠡᠷᠡᠭᠵᠢᠭᠦᠯᠦᠨ᠂ ᠮᠠᠨ ᠣᠷᠣᠨ᠎ᠤ ᠬᠡᠪᠴᠢᠶᠡᠨ᠎ᠳᠤ ᠨᠥᠬᠥᠪᠥᠷᠢ ᠬᠦᠷᠲᠡᠬᠦ ᠲᠠᠷᠢᠶᠠᠯᠠᠩ᠎ᠤᠨ ᠮᠠᠰᠢᠨ᠎ᠤ ᠦᠢ᠍ᠯᠡᠳᠬᠡᠬᠦᠨ ᠪᠦᠬᠦᠨ᠎ᠳᠤ ᠴᠦᠮ ᠠᠳᠠᠯᠢ ᠨᠢᠭᠡᠨ ᠲᠥᠷᠥᠯ ᠵᠦᠢ᠍ᠯ᠂ ᠠᠳᠠᠯᠢ ᠨᠢᠭᠡᠨ ᠳᠡᠰ᠎ᠤᠨ ᠦᠢ᠍ᠯᠡᠳᠬᠦᠨ᠎ᠳᠤ ᠨᠢᠭᠡᠳᠦᠯᠲᠡᠶ ᠨᠤᠷᠮᠠᠴᠢᠯᠠᠭᠰᠠᠨ ᠨᠥᠬᠥᠪᠥᠷᠢ ᠥᠭᠬᠦ ᠵᠢ ᠬᠡᠷᠡᠭᠵᠢᠭᠦᠯᠦᠨ᠎ᠡ᠃ ᠬᠠᠭ᠋ᠠᠯᠪᠤᠷᠢᠯᠠᠬᠤ ᠦᠭᠡᠢ᠎ᠪᠠᠷ ᠲᠠᠷᠢᠬᠤ ᠮᠠᠰᠢᠨ᠂ ᠭᠦᠨ ᠬᠥᠪᠰᠦᠭᠡᠷᠯᠡᠨ ᠲᠡᠭᠰᠢᠯᠡᠬᠦ ᠮᠠᠰᠢᠨ᠎ᠤ ᠲᠥᠷᠥᠯ᠎ᠤᠨ ᠨᠡᠢ᠌ᠯᠡᠭᠦᠯᠦᠭᠰᠡᠨ ᠨᠥᠬᠥᠪᠥᠷᠢ ᠵᠢ 10 % ᠵᠢ ᠳᠠᠪᠠᠭᠤᠯᠬᠤ ᠦᠭᠡᠢ; ᠮᠠᠯᠵᠢᠬᠤ ᠣᠷᠣᠨ᠎ᠤ ᠮᠠᠯᠴᠢᠳ᠎ᠤᠨ ᠬᠤᠳᠠᠯᠳᠤᠨ   ᠠᠪᠬᠤ ᠮᠠᠯ᠎ᠤᠨ ᠠᠵᠤ ᠠᠬᠤᠶ ᠵᠢᠨ ᠮᠠᠰᠢᠨ᠎ᠳᠤ ᠲᠥᠪ᠎ᠤᠨ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠨᠤᠷᠮᠠᠴᠢᠯᠠᠭᠰᠠᠨ ᠨᠥᠬᠥᠪᠥᠷᠢ ᠵᠢᠨ ᠳᠡᠭᠡᠷ᠎ᠡ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠪᠡᠯᠡ ᠮᠥᠩᠭᠥ ᠵᠢ ᠨᠡᠮᠡᠭᠡᠳ ᠨᠡᠢ᠌ᠯᠡᠭᠦᠯᠦᠭᠰᠡᠨ ᠨᠥᠬᠥᠪᠥᠷᠢ ᠵᠢ 20% ᠵᠢ ᠳᠠᠪᠠᠭᠤᠯᠬᠤ ᠦᠭᠡᠢ; ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠪᠡᠯᠡ ᠮᠥᠩᠭᠥ᠎ᠪᠠᠷ ᠠᠰ᠎ᠲᠤᠨᠢ ᠨᠥᠬᠥᠪᠦᠷᠢ ᠥᠭᠭᠦᠭᠰᠡᠨ ᠪᠣᠯ ᠵᠠᠷᠴᠢᠮ ᠳᠡᠭᠡᠷ᠎ᠡ᠎ᠪᠠᠨ ᠨᠢᠳᠤᠨᠤᠨ᠎ᠤᠨ ᠳᠤᠮᠳᠠᠴᠢ ᠪᠣᠷᠣᠯᠠᠭᠤᠯᠤᠨ ᠬᠤᠳᠠᠯᠳᠤᠭᠰᠠᠨ ᠦᠨ᠎ᠡ ᠵᠢᠨ 30% ᠵᠢ   ᠳᠠᠪᠠᠭᠤᠯᠬᠤ ᠦᠭᠡᠢ ᠪᠠᠢ᠌ᠬᠤ ᠶᠣᠰᠣᠭ᠋ᠠᠷ᠂ ᠨᠤᠷᠮᠠᠴᠢᠯᠠᠭᠰᠠᠨ ᠨᠥᠬᠥᠪᠥᠷᠢ ᠥᠭᠬᠦ ᠵᠢ ᠬᠡᠷᠡᠭᠵᠢᠭᠦᠯᠦᠨ᠎ᠡ᠃

     [ᠬᠥᠲᠥᠯᠦᠭᠴᠢ] ᠲᠠᠷᠢᠶᠠᠯᠠᠩ᠎ᠤᠨ ᠮᠠᠰᠢᠨ ᠪᠠᠭ᠋ᠠᠵᠢ ᠬᠤᠳᠠᠯᠳᠤᠨ ᠠᠪᠬᠤ᠎ᠳᠠᠬᠢ ᠨᠥᠬᠥᠪᠥᠷᠢ ᠵᠢᠨ ᠬᠠᠮᠢᠶ᠎ᠠ ᠪᠦᠬᠦᠢ   ᠭᠠᠷᠳᠠᠮ᠎ᠢ ᠬᠡᠷᠬᠢᠨ ᠭᠤᠶᠤᠴᠢᠯᠠᠨ ᠭᠦᠢ᠍ᠴᠡᠳᠬᠡᠬᠦ ᠪᠤᠢ?

     [ᠸᠠᠩ ᠭᠦᠸᠸ ᠯᠢᠨ]  2015 ᠣᠨ᠎ᠠᠴᠠ ᠡᠬᠢᠯᠡᠨ ᠮᠠᠨ᠎ᠤ ᠣᠷᠣᠨ 《ᠤᠷᠢᠳᠠᠪᠠᠷ ᠮᠠᠰᠢᠨ ᠬᠤᠳᠠᠯᠳᠤᠵᠤ ᠠᠪᠤᠭ᠋ᠠᠳ ᠳᠠᠷᠠᠭ᠎ᠠ᠎ᠨᠢ ᠨᠥᠬᠥᠪᠥᠷᠢ ᠥᠭᠬᠦ ᠵᠢ ᠭᠤᠶᠤᠴᠢᠯᠠᠬᠤ》 ᠠᠷᠭ᠎ᠠ ᠵᠢ ᠬᠡᠷᠡᠭᠵᠢᠭᠦᠯᠪᠡ᠃ (1)   ᠮᠠᠰᠢᠨ ᠬᠤᠳᠠᠯᠳᠤᠨ ᠠᠪᠬᠤ ᠵᠢ ᠴᠢᠯᠦᠭᠡᠲᠡᠢ ᠲᠠᠯᠪᠢᠨ᠎ᠠ᠃ ᠮᠠᠰᠢᠨ ᠬᠤᠳᠠᠯᠳᠤᠨ ᠠᠪᠤᠭᠴᠢ ᠥᠪᠡᠷ᠎ᠤᠨ ᠪᠤᠳᠠᠲᠠᠢ ᠬᠡᠷᠡᠭᠴᠡᠭᠡ᠎ᠪᠠᠨ ᠦᠨᠳᠦᠰᠦᠯᠡᠨ ᠥᠪᠡᠷ ᠵᠶ᠋ᠡᠨ ᠡᠵᠡᠨ ᠮᠠᠳᠡᠨ ᠮᠠᠰᠢᠨ ᠪᠠᠭ᠋ᠠᠵᠢ ᠬᠤᠳᠠᠯᠳᠤᠨ ᠠᠪᠴᠤ᠂ ᠥᠪᠡᠷ ᠵᠶ᠋ᠡᠨ ᠡᠵᠡᠨ ᠮᠠᠳᠡᠨ ᠪᠣᠷᠣᠯᠠᠭᠤᠯᠤᠨ ᠬᠤᠳᠠᠯᠳᠤᠬᠤ ᠠᠵᠤ ᠠᠬᠤᠶ᠋ᠢᠯᠠᠯ᠎ᠢ ᠰᠤᠩᠭᠤᠨ᠂ ᠥᠪᠡᠷ ᠵᠶ᠋ᠡᠨ ᠡᠵᠡᠨ ᠮᠡᠳᠡᠨ ᠦᠢ᠍ᠯᠡᠳᠬᠦᠨ᠎ᠤ ᠬᠡᠪ ᠮᠠᠶᠢᠭ᠎ᠢ ᠰᠤᠩᠭᠤᠵᠤ᠂ ᠥᠪᠡᠷ ᠵᠶ᠋ᠡᠨ ᠡᠵᠡᠨ ᠮᠡᠳᠡᠨ ᠨᠡᠷᠡᠲᠦ ᠲᠡᠮᠳᠡᠭ ᠰᠤᠩᠭᠤᠵᠤ᠂ ᠥᠪᠡᠷ ᠵᠶ᠋ᠡᠨ ᠡᠵᠡᠨ ᠮᠡᠳᠡᠨ ᠦᠨ᠎ᠡ ᠬᠡᠯᠡᠯᠴᠡᠵᠦ ᠵᠥᠪᠳᠡᠯᠴᠡᠨ᠎ᠡ᠃ ᠮᠠᠰᠢᠨ ᠬᠤᠳᠠᠯᠳᠤᠨ ᠠᠪᠤᠭᠰᠠᠨ᠎ᠤ ᠨᠥᠬᠥᠪᠥᠷᠢ ᠥᠭᠬᠦ ᠵᠢ ᠭᠤᠶᠤᠴᠢᠯᠠᠭᠰᠠᠨ ᠬᠤᠳᠠᠯᠳᠤᠨ ᠠᠪᠤᠭᠴᠢᠳ ᠪᠠᠷᠠᠭ᠎ᠠ   ᠬᠠᠩᠭ᠋ᠠᠭᠰᠠᠨ ᠠᠵᠤ ᠠᠬᠤᠶ᠋ᠢᠯᠠᠯ᠎ᠠᠴᠠ ᠫᠢᠶᠣᠣ ᠪᠠᠷᠢᠮᠲᠠ ᠪᠣᠯᠣᠨ ᠬᠤᠳᠠᠯᠳᠤᠨ ᠠᠪᠤᠭᠰᠠᠨ ᠮᠠᠰᠢᠨ ᠪᠠᠭ᠋ᠠᠵᠢ ᠵᠢᠨ ᠵᠶ᠋ᠠᠨ ᠦᠨᠳᠦᠰᠦᠨ ᠮᠡᠳᠡᠭᠡ ᠵᠠᠩᠭᠢ ᠵᠢᠨ ᠬᠠᠭᠤᠳᠠᠰᠤ ᠵᠢ ᠠᠪᠴᠤ᠂ ᠮᠠᠰᠢᠨ ᠬᠤᠳᠠᠯᠳᠤᠨ ᠠᠪᠤᠭᠴᠢ ᠵᠢᠨ ᠡᠷᠦᠭᠡ ᠠᠮᠠ ᠵᠢᠨ ᠪᠠᠢ᠌ᠭ᠎ᠠ ᠭᠠᠵᠠᠷ᠎ᠤᠨ ᠬᠤᠰᠢᠭᠤ ᠰᠢᠶᠠᠨ᠎ᠤ ᠲᠠᠷᠢᠶᠠᠯᠠᠩ᠎ᠤᠨ ᠮᠠᠰᠢᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠬᠠᠷᠭᠤᠭᠤᠯᠬᠤ ᠬᠡᠷᠡᠭᠲᠡᠢ᠃ (2) ᠫᠢᠶᠤᠤ ᠪᠠᠷᠢᠮᠲᠠ᠎ᠪᠠᠷ ᠵᠶ᠋ᠠᠨ ᠭᠤᠶᠤᠴᠢᠯᠠᠨ᠎ᠠ᠃ ᠮᠠᠰᠢᠨ ᠬᠤᠳᠠᠯᠳᠤᠨ ᠠᠪᠤᠭᠴᠢ   ᠮᠠᠰᠢᠨ ᠬᠤᠳᠠᠯᠳᠤᠵᠤ ᠠᠪᠤᠭᠰᠠᠨ ᠫᠢᠶᠤᠤ ᠪᠠᠷᠢᠮᠲᠠ᠂ ᠮᠠᠰᠢᠨ ᠪᠠᠭ᠋ᠠᠵᠢ ᠵᠢᠨ ᠦᠨᠳᠦᠰᠦᠨ ᠮᠡᠳᠡᠭᠡ ᠵᠠᠩᠭᠢ ᠵᠢᠨ ᠬᠠᠭᠤᠳᠠᠰᠤ᠂ ᠪᠡᠶ᠎ᠡ ᠵᠢᠨ ᠦᠨᠡᠮᠯᠡᠯ᠂ ᠡᠷᠦᠬᠡ ᠠᠮᠠ ᠵᠢᠨ ᠳᠡᠪᠲᠡᠷ᠂ ᠲᠠᠷᠢᠶᠠᠴᠢᠳ᠎ᠲᠤ ᠠᠰᠢᠭ ᠬᠦᠷᠲᠡᠭᠡᠬᠦ 《  ᠪᠥᠬᠦᠨ᠎ᠳᠤ ᠳᠤᠬᠢᠷᠠᠬᠤ ᠺᠠᠷᠲ》 (ᠪᠠᠩᠬᠢ ᠵᠢᠨ ᠺᠠᠷᠲ) ᠵᠶ᠋ᠡᠨ ᠠᠪᠴᠤ᠂ ᠡᠷᠦᠬᠡ ᠠᠮᠠ ᠵᠢᠨ ᠬᠠᠷᠢᠶ᠎ᠠ ᠬᠣᠰᠢᠭᠤ ᠰᠢᠶᠠᠨ᠎ᠤ ᠲᠠᠷᠢᠶᠠᠯᠠᠩ᠎ᠤᠨ ᠮᠠᠰᠢᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠨᠥᠬᠥᠪᠦᠷᠢ ᠥᠭᠬᠦ   ᠭᠤᠶᠤᠴᠢᠯᠠᠯ᠎ᠤᠨ ᠵᠦᠢ᠍ᠯᠡᠰ᠎ᠢ ᠭᠦᠢ᠍ᠴᠡᠳᠬᠡᠨ᠎ᠡ᠃ ᠡᠭᠦᠨ᠎ᠤ ᠬᠠᠮᠲᠤ ᠲᠠᠷᠢᠶᠠᠯᠠᠩ᠎ᠤᠨ ᠮᠠᠰᠢᠨ ᠪᠠᠭ᠋ᠠᠵᠢ ᠬᠤᠳᠠᠯᠳᠤᠨ ᠠᠪᠬᠤ᠎ᠳᠠᠬᠢ ᠨᠥᠬᠥᠪᠥᠷᠢ ᠵᠢᠨ ᠬᠠᠪᠰᠤᠷᠤᠮᠵᠢ ᠬᠠᠮᠢᠶᠠᠷᠤᠯᠲᠠ ᠵᠢᠨ ᠰᠢᠰᠸᠲᠮ ᠵᠶ᠋ᠡᠷ ᠳᠠᠮᠵᠢᠭᠤᠯᠤᠨ ᠨᠥᠬᠥᠪᠥᠷᠢ ᠣᠯᠬᠤ ᠮᠡᠳᠡᠭᠡ ᠵᠠᠩᠭᠢ᠎ᠪᠠᠨ ᠣᠷᠣᠭᠤᠯᠤᠨ᠂ ᠨᠥᠬᠥᠪᠥᠷᠢ ᠣᠯᠬᠤ ᠭᠦᠢ᠍ᠴᠡᠳᠬᠡᠬᠦ ᠲᠣᠭ᠎ᠠ ᠵᠢ ᠨᠤᠲᠠᠯᠠᠬᠤ ᠪᠢᠴᠢᠭ᠎ᠲᠤ ᠭᠠᠷ᠎ᠤᠨ ᠦᠰᠦᠭ ᠵᠢᠷᠤᠵᠤ ᠶᠠᠪᠤᠭᠤᠯᠤᠨ᠎ᠠ᠃ ᠬᠢᠨᠠᠨ ᠬᠠᠷᠭᠤᠭᠤᠯᠬᠤ᠎ᠪᠠᠷ ᠳᠠᠮᠵᠢᠭ᠋ᠠᠳ᠂ ᠨᠥᠬᠥᠪᠥᠷᠢ ᠬᠦᠷᠲᠡᠬᠦ ᠮᠠᠰᠢᠨ ᠬᠤᠳᠠᠯᠳᠤᠨ ᠠᠪᠤᠭᠴᠢ ᠨᠥᠬᠥᠪᠦᠷᠢ ᠵᠢᠨ ᠭᠦᠢ᠍ᠴᠡᠳᠬᠡᠬᠦ ᠲᠣᠭ᠎ᠠ ᠵᠢ ᠨᠣᠲᠠᠯᠠᠬᠤ ᠪᠢᠴᠢᠭ ᠠᠪᠴᠤ᠂ ᠳᠡᠭᠡᠷ᠎ᠡ᠎ᠨᠢ ᠭᠠᠷ᠎ᠤᠨ ᠦᠰᠦᠭ ᠵᠶ᠋ᠠᠨ ᠵᠢᠷᠤᠵᠤ᠂ ᠬᠤᠷᠤᠭᠤᠨ᠎ᠤ ᠣᠷᠤᠮ ᠵᠶ᠋ᠠᠨ ᠳᠠᠷᠤᠨ᠎ᠠ; ᠲᠤᠰ ᠬᠥᠮᠦᠨ᠎ᠨᠢ ᠶᠠᠮᠠᠷ ᠨᠢᠭᠡᠨ ᠰᠢᠯᠲᠠᠭ᠋ᠠᠨ᠎ᠠᠴᠠ ᠪᠣᠯᠵᠤ ᠲᠤᠬᠠᠶ ᠵᠢᠨ ᠭᠠᠵᠠᠷ᠎ᠲᠤᠨᠢ ᠬᠦᠷᠴᠦ   ᠭᠦᠢ᠍ᠴᠡᠳᠬᠡᠬᠦ ᠵᠢᠨ ᠠᠷᠭ᠎ᠠ ᠦᠭᠡᠢ ᠪᠣᠯ   ᠪᠤᠰᠤᠳ᠎ᠲᠤ ᠪᠢᠴᠢᠭ ᠵᠶ᠋ᠡᠷ ᠨᠠᠢ᠌ᠳᠠᠨ ᠭᠦᠢ᠍ᠴᠡᠳᠬᠡᠯᠭᠡᠬᠦ ᠬᠡᠷᠡᠭᠲᠡᠢ᠃
      ᠮᠠᠯᠴᠢᠳ ᠮᠠᠯ ᠠᠵᠤ ᠠᠬᠤᠶ ᠵᠢᠨ ᠮᠠᠰᠢᠨ ᠬᠤᠳᠠᠯᠳᠤᠨ ᠠᠪᠬᠤ᠎ᠪᠠᠷ ᠭᠤᠶᠤᠴᠢᠯᠠᠬᠤ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠶ ᠵᠣᠬᠢᠶᠠᠵᠤ ᠲᠠᠷᠬᠠᠭ᠋ᠠᠭᠰᠠᠨ ᠪᠡᠯᠴᠢᠭᠡᠷ ᠳᠠᠭ᠋ᠠᠭ᠋ᠠᠴᠢᠯᠠᠨ   ᠡᠵᠡᠩᠨᠡᠬᠦ ᠦᠨᠡᠮᠯᠡᠯ᠎ᠤᠨ ᠤᠭ ᠵᠦᠢ᠍ᠯ᠎ᠢ ᠬᠠᠮᠲᠤ᠎ᠳᠤᠨᠢ ᠬᠠᠩᠭ᠋ᠠᠬᠤ ᠬᠡᠷᠡᠭᠲᠡᠢ; ᠡᠷᠦᠬᠡ ᠬᠤᠪᠢᠶᠠᠭᠰᠠᠨ᠎ᠤ   ᠳᠠᠷᠠᠭ᠎ᠠ ᠬᠠᠮᠲᠤ ᠵᠢᠨ ᠪᠡᠯᠴᠢᠭᠡᠷ᠎ᠤᠨ ᠦᠨᠡᠮᠯᠡᠯ ᠪᠤᠶᠤ ᠪᠡᠯᠴᠢᠭᠡᠷ᠎ᠤᠨ ᠦᠨᠡᠮᠯᠡᠯ᠎ᠢ ᠡᠷᠦᠬᠡ᠎ᠳᠤ   ᠣᠯᠭᠣᠭ᠋ᠠᠳᠤᠢ ᠪᠣᠯ᠂ ᠬᠠᠮᠲᠤ ᠵᠢᠨ ᠪᠡᠯᠴᠢᠭᠡᠷ᠎ᠤᠨ ᠦᠨᠡᠮᠯᠡᠯ᠎ᠤᠨ ᠤᠭ ᠵᠦᠢ᠍ᠯ ᠬᠢᠭᠡᠳ ᠮᠠᠰᠢᠨ ᠬᠤᠳᠠᠯᠳᠤᠨ ᠠᠪᠤᠭᠴᠢ ᠵᠢᠨ ᠪᠠᠢ᠌ᠭ᠎ᠠ ᠰᠤᠮᠤ ᠪᠤᠶᠤ ᠭᠠᠴᠠᠭ᠎ᠠ ᠵᠢᠨ ᠬᠢᠵᠦ ᠥᠭᠭᠥᠭᠰᠡᠨ ᠪᠢᠴᠢᠭᠯᠡᠭᠰᠡᠨ ᠭᠡᠷᠡᠴᠢᠯᠡᠬᠦ ᠮᠠᠲ᠋ᠧᠷᠢᠶᠠᠯ ᠬᠠᠩᠭ᠋ᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠳ᠋᠎ᠤᠨ ᠵᠠᠰᠠᠭ᠎ᠠᠴᠠ   ᠠᠰ᠎ᠲᠤᠨᠢ ᠨᠥᠬᠥᠪᠦᠷᠢ ᠥᠭᠭᠦᠭᠰᠡᠨ ᠪᠣᠯ ᠮᠠᠰᠢᠨ ᠬᠤᠳᠠᠯᠳᠤᠨ ᠠᠪᠤᠭᠴᠢ ᠮᠠᠰᠢᠨ ᠵᠶ᠋ᠠᠨ ᠬᠤᠳᠠᠯᠳᠤᠵᠤ ᠠᠪᠣᠭᠰᠠᠨ᠎ᠤ ᠳᠠᠷᠠᠭ᠎ᠠ ᠫᠢᠶᠤᠤ ᠪᠠᠷᠢᠮᠲᠠ ᠪᠣᠯᠣᠨ ᠮᠠᠰᠢᠨ ᠪᠠᠭ᠋ᠠᠵᠢ ᠵᠢᠨ ᠦᠨᠳᠦᠰᠦᠨ ᠮᠡᠳᠡᠭᠡ ᠵᠠᠩᠭᠢ ᠵᠢᠨ   ᠬᠠᠭᠤᠳᠠᠰᠤ ᠵᠡᠷᠭᠡ ᠮᠠᠲ᠋ᠧᠷᠢᠶᠠᠯ ᠵᠶ᠋ᠠᠨ ᠠᠪᠴᠤ ᠬᠣᠰᠢᠭᠤ ᠰᠢᠶᠠᠨ᠎ᠤ ᠲᠠᠷᠢᠶᠠᠯᠠᠩ᠎ᠤᠨ ᠮᠠᠰᠢᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠦᠷᠴᠦ ᠨᠥᠬᠥᠪᠦᠷᠢ ᠥᠭᠬᠦ ᠭᠤᠶᠤᠴᠢᠯᠠᠯ ᠭᠠᠷᠭ᠋ᠠᠵᠤ᠂ ᠬᠣᠰᠢᠭᠤ ᠰᠢᠶᠠᠨ᠎ᠤ ᠲᠠᠷᠢᠶᠠᠯᠠᠩ᠎ᠤᠨ   ᠮᠠᠰᠢᠨ ᠪᠠᠭ᠋ᠠᠵᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠭᠲᠠᠭ᠋ᠠᠭᠰᠠᠨ ᠵᠠᠭᠪᠤᠷ ᠶᠣᠰᠣᠭ᠋ᠠᠷ ᠬᠤᠷᠢᠶᠠᠩᠭᠤᠢ᠌ᠯᠠᠬᠤ ᠵᠢᠨ ᠬᠠᠮᠲᠤ ᠨᠥᠬᠥᠪᠦᠷᠢ ᠥᠭᠬᠦ ᠴᠤᠪᠤᠷᠠᠯ᠎ᠤᠨ ᠶᠣᠰᠣᠭ᠋ᠠᠷ ᠵᠥᠭᠡᠯᠡᠨ ᠬᠡᠷᠡᠭᠰᠡᠯ᠎ᠤᠨ ᠰᠢᠰᠲ᠋ᠧᠮ᠎ᠤᠨ ᠭᠠᠳᠠᠨ᠎ᠠ ᠭᠦᠢ᠍ᠴᠡᠳᠬᠡᠬᠦ ᠬᠡᠷᠡᠭᠲᠡᠶ᠃
     [ᠬᠥᠲᠥᠯᠦᠭᠴᠢ] ᠨᠥᠬᠥᠪᠥᠷᠢ ᠵᠢᠨ ᠪᠡᠯᠡ ᠮᠥᠩᠭᠥ ᠵᠢ ᠳ᠋ᠦᠩᠨᠡᠨ ᠪᠣᠳᠣᠬᠤ᠎ᠳᠤ ᠶᠠᠮᠠᠷ ᠶᠠᠮᠠᠷ ᠭᠠᠷᠳᠠᠮ ᠭᠦᠢ᠍ᠴᠡᠳᠬᠡᠬᠦ ᠴᠢᠬᠤᠯᠠᠲᠠᠶ ᠪᠤᠶ?

     [ᠸᠠᠩ ᠭᠦᠸᠸ ᠯᠢᠨ] ᠬᠣᠰᠢᠭᠤ ᠰᠢᠶᠠᠨ᠎ᠤ ᠲᠠᠷᠢᠶᠠᠯᠠᠩ᠎ᠤᠨ ᠮᠠᠰᠢᠨ ᠪᠠᠭ᠋ᠠᠵᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠥᠬᠥᠪᠦᠷᠢ ᠵᠢᠨ ᠪᠡᠯᠡ ᠮᠥᠩᠭᠥ ᠵᠢ ᠳ᠋ᠦᠩᠨᠡᠨ ᠪᠣᠳᠣᠭᠰᠠᠨ ᠮᠠᠲᠸᠷᠢᠶᠠᠯ᠎ᠢ ᠡᠮᠬᠢᠯᠡᠨ ᠬᠤᠷᠢᠶᠠᠩᠭᠤᠶ᠋ᠢᠯᠠᠵᠤ᠂ ᠵᠠᠷᠴᠢᠮ ᠳᠡᠭᠡᠷ᠎ᠡ᠎ᠪᠠᠨ ᠬᠣᠰᠢᠭᠤ ᠰᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠰᠠᠷ᠎ᠠ ᠪᠦᠷᠢ ᠨᠢᠭᠡ ᠤᠳᠠᠭ᠎ᠠ ᠮᠡᠳᠡᠭᠦᠯᠦᠨ ᠬᠦᠷᠭᠡᠬᠦ ᠬᠡᠷᠡᠭᠲᠡᠶ᠃ ᠬᠣᠰᠢᠭᠤ ᠰᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠠᠳᠠᠯᠢ ᠱᠠᠲᠤᠨ᠎ᠤ ᠲᠠᠷᠢᠶᠠᠯᠠᠩ᠎ᠤᠨ ᠮᠠᠰᠢᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠳᠠᠩᠰᠠ ᠮᠡᠳᠡᠭᠦᠯᠵᠦ ᠳ᠋ᠦᠩᠨᠡᠨ ᠪᠣᠳᠣᠭᠰᠠᠨ ᠮᠠᠲ᠋ᠧᠷᠢᠶᠠᠯ᠎ᠢ ᠣᠯᠤᠭᠰᠠᠨ᠎ᠠᠴᠠ ᠡᠬᠢᠯᠡᠨ᠂ ᠨᠥᠬᠥᠪᠥᠷᠢ ᠵᠢᠨ ᠪᠡᠯᠡ ᠮᠥᠩᠭᠥ ᠵᠢ ᠨᠥᠬᠥᠪᠥᠷᠢ ᠣᠯᠣᠭᠴᠢ ᠵᠢᠨ ᠲᠠᠷᠢᠶᠠᠴᠢᠳ᠎ᠲᠤ ᠠᠰᠢᠭ ᠬᠦᠷᠲᠡᠭᠡᠬᠦ 《ᠪᠦᠬᠦᠨ᠎ᠳᠤ ᠳᠣᠬᠢᠷᠠᠬᠤ ᠺᠠᠷᠲ》 (ᠪᠠᠩᠬᠢ ᠵᠢᠨ ᠺᠠᠷᠲ)   ᠳᠠᠩᠰᠠᠨ ᠡᠷᠦᠬᠡ᠎ᠳᠤ ᠰᠠᠷ᠎ᠠ ᠪᠦᠷᠢ ᠨᠢᠭᠡ ᠤᠳᠠᠭ᠎ᠠ ᠰᠠᠯᠭ᠋ᠠᠨ ᠥᠭᠬᠦ ᠬᠡᠷᠡᠭᠲᠡᠢ᠃ ᠮᠠᠯᠴᠢᠨ ᠲᠠᠷᠢᠶᠠᠴᠢᠳ᠎ᠤᠨ ᠲᠤᠰᠬᠠᠶ ᠠᠵᠢᠯ᠎ᠤᠨ ᠬᠣᠷᠰᠢᠶ᠎ᠠ ᠪᠤᠶᠤ ᠪᠤᠰᠤᠳ ᠪᠤᠰᠤᠳ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠵᠣᠬᠢᠶᠠᠨ ᠪᠠᠶ᠋ᠢᠭᠤᠯᠤᠯᠲᠠ᠎ᠳᠤ ᠨᠥᠬᠥᠪᠦᠷᠢᠯᠡᠵᠦ ᠥᠭᠬᠦ ᠪᠡᠯᠡ ᠮᠥᠩᠭᠥ ᠵᠢ ᠪᠣᠯ ᠳᠡᠭᠡᠷ᠎ᠡ ᠳᠤᠷᠠᠳᠤᠭᠰᠠᠨ ᠵᠣᠬᠢᠶᠠᠨ ᠪᠠᠶ᠋ᠢᠭᠤᠯᠤᠯᠲᠠ ᠵᠢᠨ ᠣᠯᠠᠨ ᠨᠡᠶ᠋ᠢᠲᠡ ᠵᠢᠨ ᠳᠠᠩᠰᠠᠨ ᠡᠷᠦᠬᠡ᠎ᠳᠤ ᠰᠠᠯᠭ᠋ᠠᠨ ᠥᠭᠭᠦᠨ᠎ᠡ; ᠣᠯᠠᠨ ᠨᠡᠶ᠋ᠢᠲᠡ ᠵᠢᠨ ᠳᠠᠩᠰᠠᠨ ᠡᠷᠦᠬᠡ ᠪᠠᠢ᠌ᠭᠤᠯᠤᠭ᠋ᠠᠳᠤᠢ ᠬᠣᠷᠰᠢᠶ᠎ᠠ ᠪᠣᠯ ᠬᠣᠷᠰᠢᠶᠠᠨ᠎ᠤ ᠭᠡᠰᠢᠭᠦᠳ ᠵᠶ᠋ᠠᠷ   ᠵᠥᠪᠰᠢᠶᠡᠷᠡᠭᠦᠯᠦᠭᠡᠳ ᠭᠠᠷ᠎ᠤᠨ ᠦᠰᠦᠭ ᠵᠢᠷᠤᠵᠤ᠂ ᠮᠠᠲ᠋ᠧᠷᠢᠶᠠᠯ ᠵᠶ᠋ᠠᠨ ᠬᠣᠰᠢᠭᠤ ᠰᠢᠶᠠᠨ᠎ᠤ ᠲᠠᠷᠢᠶᠠᠯᠠᠩ᠎ᠤᠨ ᠮᠠᠰᠢᠨ ᠪᠠᠭ᠋ᠠᠵᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠤᠭᠰᠠᠨ᠎ᠤ ᠳᠠᠷᠠᠭ᠎ᠠ᠂ ᠬᠣᠷᠰᠢᠶᠠᠨ᠎ᠤ ᠬᠠᠤᠯᠢ ᠵᠢᠨ ᠡᠷᠬᠡᠲᠡᠨ ᠪᠤᠶᠤ ᠭᠡᠰᠢᠭᠦᠨ ᠬᠤᠪᠢ ᠬᠥᠮᠦᠨ᠎ᠤ ᠲᠠᠷᠢᠶᠠᠴᠢᠳ᠎ᠲᠤ ᠠᠰᠢᠭ ᠬᠦᠷᠲᠡᠭᠡᠬᠦ 《ᠪᠦᠬᠦᠨ᠎ᠳᠤ ᠳᠣᠬᠢᠷᠠᠬᠤ ᠺᠠᠷᠲ》᠎ᠤᠨ ᠳᠠᠩᠰᠠᠨ ᠡᠷᠦᠬᠡ᠎ᠳᠤ ᠰᠠᠯᠭ᠋ᠠᠨ ᠥᠭᠴᠦ ᠪᠣᠯᠣᠨ᠎ᠠ᠃

     [ᠬᠥᠲᠥᠯᠥᠭᠴᠢ] ᠨᠥᠬᠥᠪᠥᠷᠢ ᠥᠭᠬᠦ ᠮᠠᠰᠢᠨ ᠪᠠᠭ᠋ᠠᠵᠢ ᠡᠵᠡᠩᠨᠡᠨ ᠪᠣᠷᠣᠯᠠᠭᠤᠯᠬᠤ ᠬᠤᠳᠠᠯᠳᠤᠭ᠋ᠠᠴᠢᠨ᠎ᠢ ᠬᠡᠷᠬᠢᠨ ᠲᠣᠭᠲᠠᠭ᠋ᠠᠬᠤ ᠪᠤᠶ?

     [ᠸᠠᠩ ᠭᠦᠸᠸ ᠯᠢᠨ] 2015 ᠣᠨ᠎ᠠᠴᠠ ᠡᠬᠢᠯᠡᠨ᠂ ᠮᠠᠨ᠎ᠤ ᠣᠷᠣᠨ ᠣᠨᠴᠠ ᠲᠣᠭᠲᠠᠭ᠋ᠠᠭᠰᠠᠨ ᠲᠠᠷᠢᠶᠠᠯᠠᠩ᠎ᠤᠨ ᠮᠠᠰᠢᠨ ᠪᠠᠭ᠋ᠠᠵᠢ ᠬᠤᠳᠠᠯᠳᠤᠨ ᠠᠪᠬᠤ᠎ᠳᠤ ᠨᠥᠬᠥᠪᠥᠷᠢ ᠥᠭᠬᠦ ᠲᠤᠰᠬᠠᠶ ᠵᠦᠢ᠍ᠯ᠎ᠤᠨ ᠪᠠᠷᠠᠭ᠎ᠠ ᠬᠠᠩᠭ᠋ᠠᠬᠤ ᠠᠵᠤ ᠠᠬᠤᠶ᠋ᠢᠯᠠᠯ ᠭᠡᠵᠦ ᠲᠣᠭᠲᠠᠭ᠋ᠠᠬᠤ᠎ᠪᠠᠨ ᠪᠣᠯᠢᠪᠠ᠃ ᠮᠠᠨ᠎ᠤ ᠣᠷᠣᠨ᠎ᠤ ᠠᠵᠤ ᠦᠢ᠍ᠯᠡᠳᠪᠦᠷᠢ ᠬᠤᠳᠠᠯᠳᠤᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠲᠡᠮᠳᠡᠭᠯᠡᠭᠦᠯᠦᠨ ᠳᠠᠩᠰᠠᠯᠠᠭᠤᠯᠤᠭᠰᠠᠨ ᠪᠥᠭᠡᠳ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠨᠥᠬᠥᠪᠥᠷᠢ ᠥᠭᠬᠦ ᠦᠢ᠍ᠯᠡᠳᠬᠦᠨ᠎ᠢ᠎ᠨᠢ ᠡᠵᠡᠩᠨᠡᠨ ᠪᠣᠷᠣᠯᠠᠭᠤᠯᠬᠤ ᠡᠷᠬᠡ ᠵᠢ ᠣᠯᠣᠭᠰᠠᠨ ᠡᠵᠡᠩᠨᠡᠨ ᠪᠣᠷᠣᠯᠠᠭᠤᠯᠬᠤ ᠠᠵᠤ ᠠᠬᠤᠶ᠋ᠢᠯᠠᠯ ᠪᠥᠬᠦᠨ ᠴᠥᠮ ᠨᠥᠬᠥᠪᠥᠷᠢ ᠥᠭᠬᠦ ᠦᠢ᠍ᠯᠡᠳᠬᠦᠨ ᠡᠵᠡᠩᠨᠡᠨ ᠪᠣᠷᠣᠯᠠᠭᠤᠯᠬᠤ ᠬᠤᠳᠠᠯᠳᠤᠭ᠋ᠠᠴᠢᠨ ᠪᠣᠯᠵᠤ ᠪᠣᠯᠣᠨ᠎ᠠ; ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠲᠠᠷᠢᠶᠠᠯᠠᠩ᠎ᠤᠨ ᠮᠠᠰᠢᠨ ᠦᠢ᠍ᠯᠡᠳᠪᠦᠷᠢᠯᠡᠬᠦ ᠠᠵᠤ ᠠᠬᠤᠶ᠋ᠢᠯᠠᠯ ᠪᠠ ᠣᠷᠣᠨ᠎ᠤ ᠳᠣᠲᠣᠷ᠎ᠠ ᠭᠠᠳᠠᠨᠠᠬᠢ ᠰᠦ ᠵᠢᠨ ᠦᠢ᠍ᠯᠡᠰ᠎ᠤᠨ ᠲᠥᠬᠥᠭᠡᠷᠦᠮᠵᠢ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠳ ᠡᠵᠡᠩᠨᠡᠨ ᠪᠣᠷᠣᠯᠠᠭᠤᠯᠬᠤ ᠬᠤᠳᠠᠯᠳᠤᠭ᠋ᠠᠴᠢᠨ᠎ᠢ ᠳᠠᠮᠵᠢᠬᠤ ᠦᠭᠡᠢ᠎ᠪᠠᠷ ᠰᠢᠭᠤᠳ ᠮᠠᠰᠢᠨ ᠠᠪᠤᠭᠴᠢᠳ᠎ᠲᠤ ᠰᠢᠭᠤᠳ ᠪᠣᠷᠣᠯᠠᠭᠤᠯᠬᠤ ᠪᠠᠷᠠᠭ᠎ᠠ ᠲᠣᠬᠢᠷᠠᠭᠤᠯᠵᠤ ᠥᠭᠬᠦ ᠵᠢᠨ ᠬᠠᠮᠲᠤ ᠪᠣᠷᠣᠯᠠᠭᠤᠯᠤᠨ ᠬᠤᠳᠠᠯᠳᠤᠭᠰᠠᠨ ᠪᠠᠷᠢᠮᠲᠠ ᠭᠠᠷᠭ᠋ᠠᠨ ᠬᠢᠵᠦ ᠥᠭᠴᠦ ᠪᠣᠯᠣᠨ᠎ᠠ᠃ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ᠎ᠤ ᠲᠠᠷᠢᠶᠠᠯᠠᠩ᠎ᠤᠨ ᠮᠠᠰᠢᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠳ ᠴᠥᠮ ᠲᠠᠷᠢᠶᠠᠯᠠᠩ᠎ᠤᠨ ᠮᠠᠰᠢᠨ᠎ᠤ ᠨᠥᠬᠥᠪᠥᠷᠢ ᠥᠭᠬᠦ ᠦᠢ᠍ᠯᠡᠳᠬᠦᠨ᠎ᠤ ᠦᠢ᠍ᠯᠡᠳᠪᠦᠷᠢᠯᠡᠵᠦ ᠡᠵᠡᠩᠨᠡᠨ ᠪᠣᠷᠣᠯᠠᠭᠤᠯᠬᠤ ᠠᠵᠤ ᠠᠬᠤᠶ᠋ᠢᠯᠠᠯ᠎ᠤᠨ ᠨᠡᠷᠡᠰ᠎ᠢ ᠨᠡᠶ᠋ᠢᠲᠡᠯᠡᠵᠦ ᠪᠣᠯᠬᠤ ᠦᠭᠡᠶ᠃ 《ᠬᠡᠨ ᠲᠣᠭᠲᠠᠭ᠋ᠠᠭᠰᠠᠨ ᠪᠣᠯ ᠲᠡᠷᠡ ᠬᠠᠷᠢᠭᠤᠴᠠᠬᠤ》 ᠵᠠᠷᠴᠢᠮ᠎ᠤᠨ ᠶᠣᠰᠤᠭ᠋ᠠᠷ᠂ ᠲᠠᠷᠢᠶᠠᠯᠠᠩ᠎ᠤᠨ ᠮᠠᠰᠢᠨ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠳ ᠡᠵᠡᠩᠨᠡᠨ ᠪᠣᠷᠣᠯᠠᠭᠤᠯᠬᠤ ᠡᠷᠬᠡ ᠣᠯᠭᠣᠭᠰᠠᠨ ᠬᠤᠳᠠᠯᠳᠤᠭ᠋ᠠᠴᠢᠨ᠎ᠢ ᠬᠠᠮᠢᠶᠠᠷᠬᠤ᠂ ᠪᠣᠯᠪᠠᠰᠤᠷᠠᠭᠤᠯᠬᠤ ᠡᠭᠦᠷᠭᠡ ᠬᠠᠷᠢᠭᠤᠴᠠᠯᠭ᠎ᠠ᠎ᠲᠠᠢ ᠪᠠᠢ᠌ᠵᠤ᠂ ᠡᠵᠡᠩᠨᠡᠨ ᠪᠣᠷᠣᠯᠠᠭᠤᠯᠬᠤ ᠬᠤᠳᠠᠯᠳᠤᠭ᠋ᠠᠴᠢᠨ᠎ᠢ ᠬᠥᠮᠦᠵᠢᠭᠦᠯᠦᠨ ᠪᠣᠢ ᠪᠣᠯᠭ᠋ᠠᠬᠤ ᠵᠢ ᠴᠢᠬᠤᠯᠠᠴᠢᠯᠠᠨ᠂ ᠬᠠᠤᠯᠢ ᠵᠢ ᠰᠠᠬᠢᠵᠤ ᠦᠨᠡᠨᠴᠢ ᠢᠲᠡᠭᠡᠮᠵᠢᠲᠡᠶ ᠡᠵᠡᠨᠭᠨᠡᠭᠦᠯᠬᠦ᠂ ᠠᠵᠢᠯᠯᠠᠭᠤᠯᠬᠤ᠎ᠪᠠᠨ ᠴᠢᠩᠭ᠎ᠠ ᠵᠢᠷᠤᠮᠵᠢᠭᠤᠯᠤᠨ᠂ ᠬᠤᠳᠠᠯᠳᠤᠭᠰᠠᠨ᠎ᠤ ᠳᠠᠷᠠᠭ᠋ᠠᠬᠢ ᠦᠢ᠍ᠯᠡᠴᠢᠯᠡᠭᠡ ᠵᠢ ᠰᠠᠢ᠌ᠲᠤᠷ ᠬᠢᠯᠭᠡᠬᠦ ᠬᠡᠷᠡᠭᠲᠡᠢ; ᠲᠡᠷᠡᠴᠢᠯᠡᠨ ᠡᠷᠬᠡ ᠣᠯᠭᠣᠭᠰᠠᠨ ᠡᠵᠡᠩᠨᠡᠨ ᠪᠣᠷᠣᠯᠠᠭᠤᠯᠬᠤ ᠬᠤᠳᠠᠯᠳᠤᠭ᠋ᠠᠴᠢᠨ᠎ᠤ ᠡᠵᠡᠩᠨᠡᠵᠦ ᠪᠠᠶ᠋ᠢᠭ᠎ᠠ ᠨᠥᠬᠥᠪᠥᠷᠢ ᠥᠭᠬᠦ ᠦᠢ᠍ᠯᠡᠳᠬᠦᠨ᠎ᠢ ᠡᠵᠡᠨᠭᠨᠡᠨ ᠪᠣᠷᠤᠯᠠᠭᠤᠯᠬᠤ ᠦᠢ᠍ᠯᠡ ᠠᠵᠢᠯᠯᠠᠭ᠎ᠠ᠎ᠳᠤ ᠵᠣᠬᠢᠴᠠᠩᠭᠤᠶ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃

     [ᠬᠥᠲᠥᠯᠥᠭᠴᠢ] ᠳᠠᠷᠠᠭ᠋ᠠᠴᠢ ᠵᠢᠨ ᠠᠯᠬᠤᠮ᠎ᠳᠤ᠂ ᠨᠥᠬᠥᠪᠥᠷᠢ ᠥᠭᠬᠦ ᠲᠥᠷᠥ ᠵᠢᠨ ᠪᠣᠳᠣᠯᠭ᠎ᠠ ᠵᠢ ᠠᠯᠢ ᠠᠯᠢ ᠲᠠᠯ᠎ᠠ᠎ᠪᠠᠷ ᠥᠷᠭᠡᠳᠬᠡᠬᠦ ᠪᠤᠶ?

     [ᠸᠠᠩ ᠭᠦᠸᠸ ᠯᠢᠨ] ᠥᠪᠡᠷᠲᠡᠭᠡᠨ ᠵᠠᠰᠠᠬᠤ ᠣᠷᠣᠨ᠎ᠳᠤ ᠣᠳᠣ ᠲᠠᠷᠢᠶᠠᠨ ᠭᠠᠵᠠᠷ 1.3 ᠳ᠋ᠦᠩᠰᠢᠭᠤᠷ ᠮᠥ᠍ ᠪᠠᠢ᠌ᠵᠤ᠂ ᠵᠢᠯ ᠪᠦᠷᠢ ᠪᠠᠷᠤᠭ 2000 ᠲᠦᠮᠡᠨ ᠮᠥ᠍ ᠲᠠᠷᠢᠶᠠᠨ ᠭᠠᠵᠠᠷ᠎ᠢ ᠭᠦᠨ ᠬᠥᠪᠰᠥᠭᠡᠷ ᠲᠡᠭᠰᠢᠯᠡᠬᠦ ᠴᠢᠬᠤᠯᠠᠲᠠᠢ ᠪᠣᠢ; ᠪᠦᠬᠦ ᠣᠷᠣᠨ᠎ᠳᠤ ᠪᠠᠢ᠌ᠬᠤ ᠲᠷᠠᠺᠲ᠋ᠣᠷ᠎ᠤᠨ ᠬᠡᠮᠵᠢᠶ᠎ᠡ 108 ᠲᠥᠮᠡᠨ ᠰᠠᠦᠷᠢ᠎ᠳᠤ ᠬᠦᠷᠴᠦ᠂ ᠡᠭᠦᠨ᠎ᠳᠤ 10 ᠲᠥᠮᠡ ᠣᠷᠴᠢᠮ ᠰᠠᠦᠷᠢ ᠲᠷᠠᠺᠲ᠋ᠣᠷ᠎ᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠴᠢᠬᠤᠯᠠᠲᠠᠢ ᠪᠠᠢ᠌ᠨ᠎ᠠ᠃ ᠳᠠᠷᠠᠭ᠋ᠠᠴᠢ ᠵᠢᠨ ᠠᠯᠬᠤᠮ᠎ᠳᠤ ᠪᠢᠳᠡ ᠢᠳᠡᠪᠬᠢᠲᠡᠶ᠎ᠪᠠᠷ ᠰᠦᠪᠡᠭᠴᠢᠯᠡᠨ ᠰᠣᠳᠣᠯᠵᠣ᠂ ᠠᠬ᠎ᠠ ᠳᠡᠭᠦᠦ ᠮᠤᠵᠢ ᠬᠣᠲᠠ ᠣᠷᠣᠨ᠎ᠤ ᠭᠦᠨ ᠬᠥᠪᠰᠥᠭᠡᠷ ᠲᠡᠭᠰᠢᠯᠡᠬᠦ᠂ ᠲᠠᠷᠢᠶᠠᠯᠠᠩ᠎ᠤᠨ ᠮᠠᠰᠢᠨ᠎ᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠡᠨᠡ ᠬᠣᠶᠠᠷ ᠲᠠᠯ᠎ᠠ ᠵᠢᠨ ᠲᠤᠬᠠᠢ ᠨᠡᠶ᠋ᠢᠲᠡᠯᠢᠭ ᠵᠢᠱ᠌ᠢᠶ᠎ᠡ ᠪᠠ ᠲᠤᠷᠰᠢᠯᠭ᠎ᠠ ᠵᠢ ᠰᠣᠷᠣᠯᠴᠠᠨ᠂ ᠡᠨᠡ ᠬᠣᠶᠠᠷ ᠲᠠᠯ᠎ᠠ ᠵᠢᠨ ᠨᠥᠬᠥᠪᠥᠷᠢ ᠥᠭᠬᠦ ᠠᠷᠭ᠎ᠠ ᠵᠢ ᠡᠷᠲᠡᠬᠡᠨ ᠨᠡᠢ᠌ᠲᠡᠯᠡᠬᠦ᠎ᠪᠠᠷ ᠴᠢᠷᠮᠠᠢ᠌ᠵᠤ᠂ ᠲᠡᠭᠦᠯᠳᠡᠷᠵᠢᠭᠰᠡᠨ ᠬᠢᠨᠠᠨ ᠬᠠᠮᠢᠶᠠᠷᠬᠤ ᠠᠷᠭ᠎ᠠ ᠪᠠ ᠠᠷᠭ᠎ᠠ ᠬᠡᠮᠵᠢᠶ᠎ᠡ ᠵᠢ ᠪᠤᠶ ᠪᠣᠯᠭ᠋ᠠᠨ᠂ ᠲᠠᠷᠢᠶᠠᠴᠢᠳ᠎ᠲᠤ ᠠᠰᠢᠭ ᠬᠦᠷᠲᠡᠭᠡᠬᠦ ᠤᠯᠤᠰ᠎ᠤᠨ ᠡᠨᠡ ᠬᠦ᠌ ᠲᠥᠷᠥ ᠵᠢᠨ ᠪᠣᠳᠣᠯᠭ᠎ᠠ᠎ᠪᠠᠷ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠭᠴᠢᠳ᠎ᠲᠤ ᠨᠡᠩ ᠢᠯᠡᠭᠦᠦ ᠠᠰᠢᠭ

ᠬᠦᠷᠲᠡᠭᠡᠨ᠎ᠡ᠃

     [ᠬᠥᠲᠥᠯᠥᠭᠴᠢ] ᠶᠠᠮᠠᠷ ᠶᠠᠮᠠᠷ ᠠᠵᠢᠯ᠎ᠤᠨ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠲᠥᠷᠥ ᠵᠢᠨ ᠪᠣᠳᠣᠯᠭ᠎ᠠ ᠵᠢ ᠳᠥᠯᠭᠢᠨ ᠠᠬᠢᠭᠤᠯᠬᠤ ᠪᠠ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠪᠤᠶ?
     [ᠸᠠᠩ ᠭᠦᠸᠸ ᠯᠢᠨ] ᠲᠠᠷᠢᠶᠠᠯᠠᠩ᠎ᠤᠨ ᠮᠠᠰᠢᠨ ᠪᠠᠭ᠋ᠠᠵᠢ ᠬᠤᠳᠠᠯᠳᠤᠨ ᠠᠪᠬᠤ᠎ᠳᠤ ᠨᠥᠬᠥᠪᠥᠷᠢ ᠥᠭᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠪᠣᠲᠠᠲᠠᠢ᠌ᠵᠢᠭᠤᠯᠬᠤ ᠵᠢ ᠪᠠᠲᠤᠯᠬᠠᠤ ᠵᠢᠨ ᠲᠤᠰᠠᠲᠠ᠂ ᠳᠣᠣᠷᠠᠬᠢ ᠬᠡᠳᠦᠨ ᠲᠠᠯ᠎ᠠ᠎ᠪᠠᠷ ᠠᠷᠭ᠎ᠠ ᠬᠡᠮᠵᠢᠶ᠎ᠡ ᠵᠢ ᠠᠪᠴᠤ ᠪᠠᠶ᠋ᠢᠭ᠋ᠠᠳ ᠲᠠᠷᠢᠶᠠᠯᠠᠩ᠎ᠤᠨ ᠮᠠᠰᠢᠨ ᠪᠠᠭ᠋ᠠᠵᠢ ᠬᠤᠳᠠᠯᠳᠤᠨ ᠠᠪᠬᠤ᠎ᠳᠤ ᠨᠥᠬᠥᠪᠥᠷᠢ ᠥᠭᠬᠦ ᠠᠵᠢᠯ᠎ᠢ ᠴᠢᠨᠭ᠌ᠭ᠋ᠠᠷᠠᠭᠤᠯᠤᠨ᠎ᠠ᠃ ᠨᠢᠭᠡ᠎ᠳᠤ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠨᠭ᠌ᠭ᠋ᠠᠷᠠᠭᠤᠯᠤᠨ᠎ᠠ᠃ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠦᠨᠡᠨ ᠬᠦ᠌ ᠴᠢᠩᠭ᠋ᠠᠳᠬᠠᠵᠤ᠂ ᠨᠠᠷᠢᠨ ᠨᠢᠮᠪᠠᠶ ᠪᠠᠢ᠌ᠷᠢᠯᠠᠭᠤᠯᠤᠨ ᠲᠣᠬᠢᠷᠠᠭᠤᠯᠬᠤ ᠬᠡᠷᠡᠭᠲᠡᠶ᠃ ᠠᠶ᠋ᠢᠮᠠᠭ ᠬᠣᠲᠠ ᠵᠢᠨ ᠲᠠᠷᠢᠶᠠᠯᠠᠩ᠎ᠤᠨ ᠮᠠᠰᠢᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠳ ᠬᠣᠰᠢᠭᠤ ᠰᠢᠶᠠᠨ᠎ᠤ ᠲᠠᠷᠢᠶᠠᠯᠠᠩ᠎ᠤᠨ ᠮᠠᠰᠢᠨ ᠪᠠᠭ᠋ᠠᠵᠢ ᠬᠤᠳᠠᠯᠳᠤᠨ ᠠᠪᠬᠤ᠎ᠳᠤ ᠨᠥᠬᠥᠪᠥᠷᠢ ᠥᠭᠬᠦ ᠵᠢᠨ ᠬᠡᠷᠡᠭᠵᠢᠭᠦᠯᠬᠦ ᠲᠥᠰᠦᠯ᠎ᠢ ᠬᠢᠨᠠᠬᠤ᠂ ᠨᠥᠬᠥᠪᠥᠷᠢ ᠥᠭᠬᠦ ᠠᠵᠢᠯ᠎ᠳᠤ ᠬᠢᠨᠠᠯᠲᠠ ᠲᠠᠯᠪᠢᠨ ᠪᠠᠶ᠋ᠢᠴᠠᠭ᠋ᠠᠬᠤ᠂ ᠨᠥᠬᠥᠪᠥᠷᠢ ᠥᠭᠬᠦ ᠮᠠᠰᠢᠨ ᠪᠠᠭ᠋ᠠᠵᠢ ᠵᠢ ᠰᠣᠭᠣᠴᠠᠨ ᠪᠠᠢ᠌ᠴᠠᠭ᠋ᠠᠵᠤ ᠬᠢᠨᠠᠨ ᠬᠠᠷᠭᠤᠭᠤᠯᠬᠤ᠂ ᠨᠥᠬᠥᠪᠥᠷᠢ ᠥᠭᠴᠦ ᠪᠠᠢ᠌ᠭ᠎ᠠ᠎ᠳᠠᠬᠢ ᠵᠠᠭ᠋ᠠᠯᠳᠤᠯᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠪᠠ ᠰᠢᠮᠳᠠᠭᠤᠯᠤᠨ ᠰᠢᠢ᠍ᠳᠪᠦᠷᠢᠯᠡᠭᠦᠯᠬᠦ ᠵᠡᠷᠭᠡ ᠠᠵᠢᠯ᠎ᠢ ᠴᠢᠩᠭ᠋ᠠᠳᠬᠠᠬᠤ ᠬᠡᠷᠡᠭᠲᠡᠢ᠃ ᠬᠣᠰᠢᠭᠤ ᠰᠢᠶᠠᠨ᠎ᠤ ᠲᠠᠷᠢᠶᠠᠯᠠᠩ᠎ᠤᠨ ᠮᠠᠰᠢᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠲᠤᠰ ᠱᠠᠲᠤᠨ᠎ᠤ ᠵᠠᠰᠠᠭ᠎ᠤᠨ ᠣᠷᠳᠣᠨ᠎ᠤ ᠤᠳᠤᠷᠢᠳᠤᠯᠭ᠎ᠠ ᠵᠢᠨ ᠳᠣᠣᠷ᠎ᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠨᠥᠬᠥᠪᠥᠷᠢ ᠥᠭᠬᠦ ᠪᠡᠯᠡ ᠮᠥᠩᠭᠥ ᠵᠢ ᠬᠡᠷᠡᠭᠯᠡᠬᠦ ᠪᠠ ᠮᠠᠰᠢᠨ ᠪᠠᠭ᠋ᠠᠵᠢ ᠵᠢᠨ ᠭᠣᠣᠯᠳᠠᠯᠭ᠎ᠠ᠎ᠲᠠᠢ ᠳᠡᠯᠭᠡᠷᠡᠭᠦᠯᠬᠦ ᠲᠥᠷᠥᠯ ᠵᠦᠢ᠍ᠯ᠎ᠢ ᠵᠡᠷᠭᠡ ᠶᠠᠪᠤᠳᠠᠯ᠎ᠢ ᠬᠠᠮᠲᠤᠪᠠᠷ ᠰᠤᠳᠤᠯᠤᠨ ᠲᠣᠭᠲᠠᠭ᠋ᠠᠵᠤ᠂ ᠨᠥᠬᠥᠪᠥᠷᠢ ᠥᠭᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠵᠢ ᠬᠠᠮᠲᠤᠷᠠᠨ ᠬᠢᠨᠠᠨ ᠬᠠᠮᠢᠶᠠᠷᠬᠤ ᠬᠡᠷᠡᠭᠲᠡᠢ᠃ ᠬᠣᠶᠠᠷ᠎ᠲᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠰᠠᠶ᠋ᠢᠲᠤᠷ ᠬᠢᠬᠦ ᠬᠡᠷᠡᠭᠲᠡᠢ᠃ ᠲᠧᠯᠸᠢᠰ᠂ ᠲᠣᠣᠷ ᠰᠦᠯᠵᠢᠶ᠎ᠡ᠂ ᠰᠣᠨᠢᠨ᠂ ᠷᠠᠳᠢᠣ᠋ ᠨᠡᠪᠲᠡᠷᠡᠭᠦᠯᠭᠡ ᠵᠡᠷᠭᠡ ᠭᠣᠣᠯ ᠤᠷᠤᠰᠬᠠᠯ᠎ᠤᠨ ᠵᠠᠭᠤᠴᠢᠯᠠᠭᠤᠷ᠎ᠢ ᠭᠦᠢ᠍ᠴᠡᠳ ᠠᠰᠢᠭᠯᠠᠨ᠂ ᠲᠠᠷᠢᠶᠠᠯᠠᠩ᠎ᠤᠨ ᠮᠠᠰᠢᠨ ᠪᠠᠭ᠋ᠠᠵᠢ ᠬᠤᠳᠠᠯᠳᠤᠨ ᠠᠪᠬᠤ᠎ᠳᠤ ᠨᠥᠬᠥᠪᠥᠷᠢ ᠥᠭᠬᠦ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠣᠯᠠᠨ ᠠᠷᠭ᠎ᠠ ᠵᠠᠮ᠂ ᠪᠦᠬᠦ ᠲᠠᠯ᠎ᠠ᠎ᠪᠠᠷ ᠥᠷᠨᠢᠭᠦᠯᠵᠦ᠂ ᠮᠠᠯᠴᠢᠨ ᠲᠠᠷᠢᠶᠠᠴᠢᠳ ᠪᠠ ᠨᠢᠭᠡᠳᠦᠭᠡᠷ ᠹᠷᠣᠨᠲ᠎ᠤᠨ ᠦᠢ᠍ᠯᠡᠳᠪᠦᠷᠢᠯᠡᠵᠦ ᠡᠵᠡᠩᠨᠡᠭᠴᠢᠳ᠎ᠲᠤ ᠲᠥᠷᠥ ᠵᠢᠨ ᠪᠣᠳᠣᠯᠭ᠎ᠠ ᠵᠢ ᠣᠨᠣᠪᠴᠢᠲᠠᠶ ᠡᠵᠡᠮᠰᠢᠭᠦᠯᠦᠨ᠂ ᠲᠥᠷᠥ ᠵᠢᠨ ᠪᠣᠳᠣᠯᠭ᠎ᠠ ᠵᠢ ᠤᠷᠤᠭᠰᠢᠲᠠᠶ ᠬᠡᠷᠡᠭᠵᠢᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠭᠤᠷᠪᠠ᠎ᠳᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ᠃ ᠫᠠᠶ᠋ᠢᠰᠠ᠎ᠤᠨ ᠦᠨᠡᠮᠯᠡᠯ᠎ᠤᠨ ᠬᠠᠮᠢᠶᠠᠷᠤᠯᠲᠠ ᠵᠢ ᠬᠡᠷᠡᠭᠵᠢᠭᠦᠯᠵᠦ ᠪᠠᠢ᠌ᠭ᠎ᠠ ᠮᠠᠰᠢᠨ ᠪᠠᠭ᠋ᠠᠵᠢ ᠬᠤᠳᠠᠯᠳᠤᠨ ᠠᠪᠤᠭᠰᠠᠨ ᠪᠣᠯ ᠥᠮᠴᠢᠯᠡᠭᠴᠢ᠎ᠨᠢ ᠭᠠᠵᠠᠷ᠎ᠤᠨ ᠲᠠᠷᠢᠶᠠᠯᠠᠩ᠎ᠤᠨ ᠮᠠᠰᠢᠨ᠎ᠤ ᠠᠶᠤᠯ ᠦᠭᠡᠢ ᠵᠢ ᠬᠢᠨᠠᠨ ᠬᠠᠮᠢᠶᠠᠷᠬᠤ ᠪᠠᠶ᠋ᠢᠭᠤᠯᠤᠮᠵᠢ᠎ᠳᠤ ᠫᠠᠶ᠋ᠢᠰᠠ ᠦᠨᠡᠮᠯᠡᠯ ᠭᠡᠷᠡᠴᠢ ᠵᠢ ᠭᠦᠢ᠍ᠴᠡᠳᠬᠡᠬᠦ ᠬᠡᠷᠡᠭᠲᠡᠢ᠃ ᠨᠥᠬᠥᠪᠥᠷᠢ ᠥᠭᠬᠦ ᠮᠠᠰᠢᠨ ᠪᠠᠭ᠋ᠠᠵᠢ ᠵᠢᠨ ᠶᠠᠰᠤ ᠴᠢᠨᠠᠷ᠎ᠤᠨ ᠪᠠᠶ᠋ᠢᠴᠠᠭ᠋ᠠᠯᠲᠠ ᠵᠢ ᠬᠠᠤᠯᠢ ᠶᠣᠰᠣᠭ᠋ᠠᠷ ᠥᠷᠨᠢᠭᠦᠯᠵᠦ᠂ ᠠᠵᠤ ᠠᠬᠤᠶ᠋ᠢᠯᠠᠯ᠎ᠢ ᠰᠢᠮᠳᠠᠭᠤᠯᠵᠤ ᠪᠠᠶ᠋ᠢᠭ᠋ᠠᠳ ᠬᠤᠳᠠᠯᠳᠤᠭᠰᠠᠨ᠎ᠤ ᠳᠠᠷᠠᠭ᠋ᠠᠬᠢ ᠦᠢ᠍ᠯᠡᠴᠢᠯᠡᠭᠡ ᠵᠡᠷᠭᠡ ᠠᠵᠢᠯ᠎ᠢ ᠰᠠᠶ᠋ᠢᠲᠤᠷ ᠬᠢᠯᠭᠡᠬᠦ ᠬᠡᠷᠡᠭᠲᠡᠶ᠃ ᠨᠥᠬᠥᠪᠥᠷᠢ ᠥᠭᠬᠦ ᠮᠡᠳᠡᠭᠡ ᠵᠠᠩᠭᠢ ᠵᠢ ᠬᠤᠯᠠᠭ᠋ᠠᠶ᠋ᠢᠯᠠᠨ ᠠᠪᠤᠭᠰᠠᠨ᠂ ᠰᠠᠷᠢᠭ᠋ᠠᠯᠠᠭᠰᠠᠨ᠂ ᠵᠠᠳᠠᠷᠠᠭᠤᠯᠤᠭᠰᠠᠨ ᠪᠠ ᠴᠠᠬᠢᠯᠭ᠋ᠠᠨ ᠬᠣᠯᠪᠣᠭ᠎ᠠ᠎ᠪᠠᠷ ᠮᠡᠬᠡᠯᠡᠭᠰᠡᠨ ᠵᠡᠷᠭᠡ ᠬᠠᠤᠯᠢ ᠪᠤᠰᠤ ᠦᠢ᠍ᠯᠡ ᠠᠵᠢᠯᠯᠠᠭ᠎ᠠ᠎ᠳᠤ ᠬᠠᠮᠢᠶ᠎ᠡ ᠪᠦᠬᠦᠢ ᠰᠠᠯᠠᠭ᠎ᠠ ᠮᠥᠴᠢᠷ᠎ᠯᠦᠭᠡ ᠬᠠᠮᠵᠢᠯᠴᠠᠨ ᠴᠢᠩᠭ᠎ᠠ ᠴᠣᠬᠢᠯᠲᠠ ᠥᠭᠴᠦ᠂ ᠮᠠᠯᠴᠢᠨ ᠲᠠᠷᠢᠶᠠᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠬᠡᠷᠡᠭᠲᠡᠶ᠃ ᠣᠯᠠᠨ ᠲᠦᠮᠡᠨ᠎ᠤ ᠢᠯᠡᠴᠢᠯᠡᠨ ᠮᠡᠳᠡᠭᠦᠯᠵᠦ ᠵᠠᠭ᠋ᠠᠯᠳᠤᠯᠭ᠎ᠠ ᠬᠢᠭᠰᠡᠨ᠎ᠢ ᠬᠦᠯᠢᠶᠡᠨ ᠠᠪᠴᠤ ᠰᠢᠢ᠍ᠳᠪᠦᠷᠢᠯᠡᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠬᠤ ᠬᠡᠷᠡᠭᠲᠡᠶ᠃ ᠬᠠᠮᠢᠶ᠎ᠡ ᠪᠦᠬᠦᠢ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠳ᠋ᠢᠶᠠᠨᠭ᠌ᠬᠤᠸᠠ᠂ ᠲᠣᠣᠷ ᠰᠦᠯᠵᠢᠶ᠎ᠡ᠂ ᠵᠠᠬᠢᠳᠠᠯ ᠵᠡᠷᠭᠡ ᠪᠦᠲᠦᠮᠵᠢᠲᠡᠶ ᠬᠡᠯᠪᠡᠷᠢ᠎ᠪᠠᠷ ᠳᠠᠮᠵᠢᠭᠤᠯᠤᠨ ᠵᠠᠭ᠋ᠠᠯᠳᠤᠯᠭ᠎ᠠ ᠵᠢ ᠬᠦᠯᠢᠶᠡᠨ ᠠᠪᠴᠤ ᠰᠢᠢ᠍ᠳᠪᠦᠷᠢᠯᠡᠬᠦ ᠬᠡᠷᠡᠭᠲᠡᠢ᠃ ᠳᠥᠷᠪᠡ᠎ᠳᠤ ᠵᠠᠰᠠᠭ ᠶᠠᠪᠤᠭᠤᠯᠬᠤ ᠵᠢ ᠢᠯᠡ ᠪᠣᠯᠭ᠋ᠠᠬᠤ ᠵᠢ ᠨᠠᠢ᠌ᠳᠠᠪᠤᠷᠢᠵᠢᠭᠤᠯᠬᠤ ᠬᠡᠷᠡᠭᠲᠡᠢ᠃   ᠲᠠᠷᠢᠶᠠᠯᠠᠩ᠎ᠤᠨ ᠮᠠᠰᠢᠨ ᠪᠠᠭ᠋ᠠᠵᠢ ᠬᠤᠳᠠᠯᠳᠤᠨ ᠠᠪᠬᠤ᠎ᠳᠤ ᠨᠥᠬᠥᠪᠥᠷᠢ ᠥᠭᠬᠦ ᠮᠡᠳᠡᠭᠡ ᠵᠠᠩᠭᠢ ᠵᠢ ᠢᠯᠡ ᠪᠣᠯᠭ᠋ᠠᠬᠤ ᠲᠤᠰᠬᠠᠶ ᠪᠣᠯᠣᠩ᠎ᠢ ᠪᠠᠶ᠋ᠢᠭᠤᠯᠤᠨ ᠲᠡᠭᠦᠯᠳᠡᠷᠵᠢᠭᠦᠯᠬᠦ᠎ᠪᠠᠷ ᠳᠠᠮᠵᠢᠭᠤᠯᠤᠨ᠂ ᠪᠦᠲᠦᠮᠵᠢᠲᠡᠶ ᠠᠵᠢᠯᠯᠠᠭ᠋ᠠᠨ᠎ᠢ ᠦᠨᠡᠨ ᠬᠦ᠌ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ᠎ᠤ ᠲᠠᠷᠢᠶᠠᠯᠠᠩ᠎ᠤᠨ ᠮᠠᠰᠢᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠳ ᠬᠡᠷᠡᠭᠵᠢᠭᠦᠯᠬᠦ ᠲᠥᠰᠦᠯ᠂ ᠨᠥᠬᠥᠪᠥᠷᠢ ᠥᠭᠬᠦ ᠲᠣᠭ᠎ᠠ ᠵᠢᠨ ᠦᠵᠡᠮᠦᠷᠢ ᠬᠥᠰᠥᠨᠥᠭᠲᠦ᠂ ᠠᠵᠢᠯᠯᠠᠭᠤᠯᠬᠤ ᠳᠡᠰ ᠳᠠᠷᠠᠭ᠋ᠠᠯᠠᠯ᠂ ᠵᠠᠭ᠋ᠠᠯᠳᠤᠬᠤ ᠯᠠᠪᠯᠠᠯᠭ᠎ᠠ ᠥᠭᠬᠦ ᠠᠷᠭ᠎ᠠ ᠮᠠᠶᠢᠭ᠂ ᠪᠡᠯᠡ ᠮᠥᠨᠭᠭᠦ ᠵᠢᠨ ᠬᠡᠪᠴᠢᠶ᠎ᠡ ᠪᠠ ᠬᠡᠷᠡᠭᠯᠡᠵᠦ ᠪᠠᠢ᠌ᠭ᠎ᠠ ᠵᠢᠨ ᠠᠬᠢᠴᠠ᠂ ᠨᠥᠬᠥᠪᠥᠷᠢ ᠵᠢᠨ ᠠᠰᠢᠭ ᠬᠦᠷᠲᠡᠭᠰᠡᠳ᠂ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠶᠠᠯᠠᠯᠠᠨ ᠰᠢᠳᠬᠡᠵᠦ ᠪᠠᠢ᠌ᠭ᠎ᠠ ᠪᠠᠶ᠋ᠢᠳᠠᠯ ᠵᠡᠷᠭᠡ ᠵᠢ ᠭᠣᠣᠯᠳᠠᠯᠭ᠎ᠠ᠎ᠲᠠᠢ ᠢᠯᠡ ᠪᠣᠯᠭ᠋ᠠᠬᠤ ᠬᠡᠷᠡᠭᠲᠡᠢ᠃ ᠲᠠᠪᠤ᠎ᠳᠤ ᠪᠡᠯᠡ ᠮᠥᠩᠭᠥ ᠵᠢᠨ ᠬᠠᠮᠢᠶᠠᠷᠤᠯᠲᠠ ᠵᠢ ᠴᠢᠨᠭ᠌ᠳᠠᠯᠠᠬᠤ ᠬᠡᠷᠡᠭᠲᠡᠢ᠃ ᠡᠯ᠎ᠡ ᠱᠠᠲᠤᠨ᠎ᠤ ᠲᠠᠷᠢᠶᠠᠯᠠᠩ᠎ᠤᠨ ᠮᠠᠰᠢᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠨᠡᠪᠲᠡᠷᠡᠯᠴᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠨᠥᠬᠥᠪᠥᠷᠢ ᠵᠢᠨ ᠪᠡᠯᠡ ᠮᠥᠩᠭᠥ ᠵᠢ ᠴᠠᠭ ᠲᠤᠬᠠᠶ᠎ᠳᠤᠨᠢ ᠪᠠᠭᠤᠯᠭ᠋ᠠᠵᠤ᠂ ᠣᠷᠣᠨ ᠪᠠᠢ᠌ᠷᠢ᠎ᠳᠤᠨᠢ ᠣᠨᠣᠪᠴᠢᠲᠠᠶ ᠬᠦᠷᠦᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ; ᠨᠥᠬᠥᠪᠥᠷᠢ ᠵᠢᠨ ᠪᠡᠯᠡ ᠮᠥᠩᠭᠥ ᠵᠢ ᠲᠣᠭᠲᠠᠭ᠋ᠠᠯ ᠶᠣᠰᠣᠭ᠋ᠠᠷ ᠬᠡᠷᠡᠭᠯᠡᠵᠦ᠂ ᠪᠡᠯᠡ ᠮᠥᠨᠭᠭᠦ ᠵᠢᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠶ; ᠵᠣᠭᠣᠰ ᠰᠣᠯᠢᠵᠤ ᠥᠭᠬᠦ ᠵᠢ ᠲᠦᠷᠭᠡᠨ ᠣᠨᠣᠪᠴᠢᠲᠠᠶ ᠳ᠋ᠦᠩᠨᠡᠨ ᠪᠣᠳᠣᠵᠤ᠂ ᠪᠡᠯᠡ ᠮᠥᠩᠭᠥ ᠬᠡᠷᠡᠭᠯᠡᠬᠦ ᠦᠷ᠎ᠡ ᠪᠦᠲᠦᠮᠵᠢ ᠵᠢ ᠪᠠᠲᠤᠯᠠᠬᠤ ᠬᠡᠷᠡᠭᠲᠡᠶ᠃
     [ᠬᠥᠲᠥᠯᠥᠭᠴᠢ] ᠵᠠ ᠰᠠᠢ᠌ᠨ ᠪᠣᠯᠣᠯ᠎ᠠ᠂ ᠸᠠᠩ ᠳᠠᠷᠤᠭ᠎ᠠ ᠵᠢᠨ ᠬᠠᠯᠠᠰᠢᠷᠠᠯ ᠦᠭᠡᠢ ᠲᠠᠢ᠌ᠯᠪᠤᠷᠢᠯᠠᠭᠰᠠᠨ᠎ᠳᠤ ᠲᠠᠯᠠᠷᠬᠠᠵᠤ ᠪᠠᠢ᠌ᠨ᠎ᠠ᠃ ᠴᠠᠭ᠎ᠤᠨ ᠬᠠᠷᠠᠭ᠎ᠠ᠎ᠠᠴᠠ ᠪᠣᠯᠵᠤ᠂ ᠮᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠲᠡᠭᠦᠰᠦᠯ᠎ᠡ᠂ ᠳᠠᠷᠠᠭ᠋ᠠᠴᠢ ᠵᠢᠨ ᠫᠷᠦᠭᠷᠠᠮ᠎ᠳᠤ ᠪᠠᠶᠠᠷᠲᠠᠶ ᠵᠣᠯᠭ᠋ᠠᠶ᠎ᠠ!

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠭᠠᠵᠠᠷ ᠰᠢᠷᠣᠶ ᠵᠢ ᠠᠷᠪᠢᠲᠠᠶ ᠡᠷᠴᠢᠮᠯᠢᠭ ᠠᠰᠢᠭᠯᠠᠵᠤ ᠭᠠᠵᠠᠷ ᠰᠢᠷᠣᠶ ᠵᠢ ᠠᠰᠢᠭᠯᠠᠬᠤ ᠠᠷᠭ᠎ᠠ ᠮᠠᠶᠢᠭ᠎ᠢ ᠦᠨᠳᠦᠰᠦᠨ᠎ᠠᠴᠠ᠎ᠨᠢ ᠬᠤᠪᠢᠷᠠᠭᠤᠯᠬᠤ ᠵᠢ ᠳᠥᠯᠭᠢᠨ ᠠᠬᠢᠭᠤᠯᠬᠤ ᠬᠡᠷᠡᠭᠲᠡᠢ
ᠨᠠᠮ᠎ᠤᠨ ᠠᠷᠪᠠᠨ ᠨᠠᠢ᠍ᠮᠠᠳᠣᠭ᠋ᠠᠷ ᠬᠣᠭᠣᠴᠠᠭ᠋ᠠᠨ᠎ᠤ ᠲᠥᠪ ᠬᠣᠷᠢᠶ᠎ᠠ ᠵᠢᠨ ᠳᠥᠷᠪᠡᠳᠥᠬᠡᠷ ᠪᠦᠬᠦᠳᠡ ᠬᠣᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠳᠣᠣᠱᠯᠠᠭᠣᠯᠤᠨ ᠨᠠᠢ᠌ᠳᠠᠪᠦᠷᠢᠵᠢᠭᠤᠯᠵᠦ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠤᠨ᠎ᠢ ᠪᠠᠢ᠌ᠭᠣᠯᠬᠤ ᠠᠬᠢᠴᠠ ᠵᠢ ᠳᠥᠷᠭᠡᠳᠬᠡᠶ᠎ᠡ
ᠥᠪᠡᠷᠳᠡᠭᠡᠨ ᠵᠠᠰᠠᠬᠣ ᠣᠷᠣᠨ᠎ᠤ《8337》ᠬᠦᠭᠵᠢᠯᠳᠡ ᠵᠢᠨ ᠰᠡᠳᠬᠢᠮᠵᠢ ᠵᠢ ᠬᠢᠨᠠᠮᠠᠭ᠋ᠠᠢ ᠳᠣᠣᠱᠯᠠᠭᠣᠯᠣᠨ ᠨᠠᠢ᠌ᠳᠠᠪᠣᠷᠢᠵᠢᠭᠣᠯᠵᠣ᠂ ᠳᠠᠷᠢᠶᠠᠯᠠᠩ ᠮᠠᠯ ᠠᠵᠣ ᠠᠬᠣᠢ ᠵᠢ ᠠᠵᠣ ᠦᠢ᠍ᠯᠡᠰᠵᠢᠭᠥᠯᠥᠨ ᠡᠵᠡᠩᠨᠡᠭᠥ ᠳᠥᠪᠰᠢᠨ᠎ᠢ ᠪᠦᠬᠦ ᠳᠠᠯ᠎ᠠ᠎ᠪᠠᠷ ᠳᠡᠭᠡᠭᠰᠢᠯᠡᠭᠥᠯᠰᠥᠬᠡᠢ
ᠲᠦᠷᠦ ᠲᠠᠷᠬᠠᠭ᠋ᠠᠭᠰᠠᠨ 28 ᠳ᠋ᠤᠭ᠋ᠠᠷ ᠳᠤᠭ᠋ᠠᠳᠤ ᠪᠢᠴᠢᠭ ᠮᠠᠲᠸᠷᠢᠶᠠᠯ᠎ᠢ ᠬᠢᠨᠠᠮᠠᠭ᠋ᠠᠢ ᠲᠤᠤᠱᠯᠠᠭᠣᠯᠣᠨ ᠨᠠᠢ᠌ᠳᠠᠪᠤᠷᠢᠵᠢᠭᠤᠯᠵᠦ ᠵᠡᠭᠦᠨ ᠭᠡᠰᠡᠭ᠎ᠤᠨ ᠠᠢ᠌ᠮᠠᠭ ᠬᠤᠳᠠ ᠵᠢᠨ ᠬᠦᠭᠵᠢᠨ ᠮᠠᠨᠳᠤᠬᠤ ᠵᠢ ᠲᠦᠷᠭᠡᠳᠭᠡᠨ ᠠᠬᠢᠭᠤᠯᠤᠶ᠎ᠠ
ᠮᠠᠨ ᠎ᠤ ᠣᠷᠣᠨ᠎ᠤ ᠡᠯ᠎ᠡ ᠱᠠᠳᠤᠨ᠎ᠤ ᠵᠠᠰᠠᠭ᠎ᠤᠨ ᠣᠷᠳᠣᠨ ᠎ᠤ ᠡᠷᠬᠡ ᠵᠢᠨ ᠨᠠᠷᠢᠨ ᠳᠠᠩᠰᠠ ᠵᠢᠨ ᠳᠦᠷᠢᠮ᠎ᠤᠨ ᠪᠠᠢ᠌ᠭᠤᠯᠣᠯᠲᠠ ᠵᠢᠨ ᠠᠵᠢᠯ᠎ᠢ ᠪᠦᠬᠦ ᠲᠠᠯ᠎ᠠ᠎ᠪᠠᠷ ᠠᠬᠢᠭᠤᠯᠤᠶ᠎ᠠ
 
            