ᠰᠤᠷᠪᠤᠯᠵᠢᠯᠠᠨ ᠶᠠᠷᠢᠯᠴᠠᠭᠰᠠᠨ ᠭᠤᠤᠯ ᠰᠡᠳᠦᠪ᠄
ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠠᠨᠳᠢᠨᠭ᠌ᠨᠠᠵᠤ᠂ ᠠᠰᠢᠭᠯᠠᠬᠤ ᠦᠷ᠎ᠡ ᠠᠰᠢᠭ᠎ᠢ ᠳᠡᠭᠡᠭᠰᠢᠯᠡᠭᠦᠯᠦᠶ᠎ᠡ
ᠰᠤᠷᠪᠤᠯᠵᠢᠯᠠᠭᠰᠠᠨ ᠴᠠᠭ᠄
2015 ᠤᠨ᠎ᠤ 5 ᠳ᠋ᠤᠭ᠋ᠠᠷ ᠰᠠᠷ᠎ᠠ ᠵᠢᠨ 22᠎ᠤᠨ ᠡᠳᠦᠷ᠎ᠤᠨ ᠦᠳᠡ ᠵᠢᠨ ᠡᠮᠦᠨ᠎ᠡ ᠵᠢᠨ 10 ᠴᠠᠭ
ᠰᠤᠷᠪᠤᠯᠵᠢᠯᠠᠭᠰᠠᠨ ᠵᠤᠴᠢᠨ᠄
ᠦᠪᠡᠷᠲᠡᠭᠡᠨ ᠵᠠᠰᠠᠬᠤ ᠤᠷᠤᠨ᠎ᠤ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠲᠢᠨᠭᠭᠢᠮ᠎ᠤᠨ ᠳᠡᠳ᠋ ᠲᠤᠭᠤᠷᠢᠨ ᠪᠠᠢ᠌ᠴᠠᠭ᠋ᠠᠭᠴᠢ ᠸᠠᠨᠭ᠌ ᠵᠢᠶᠠᠨ ᠮᠢᠨ

ᠰᠤᠷᠪᠤᠯᠵᠢᠯᠠᠨ ᠶᠠᠷᠢᠯᠴᠠᠭᠰᠠᠨ ᠲᠤᠪᠴᠢ᠄
ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ ᠪᠤᠯ ᠬᠦᠮᠦᠨ ᠲᠦᠷᠦᠯᠬᠢᠲᠡᠨ᠎ᠤ ᠦᠢ᠍ᠯᠡᠳᠪᠦᠷᠢᠯᠡᠯ ᠪᠠ ᠠᠮᠢᠳᠤᠷᠠᠯ᠎ᠤᠨ ᠮᠠᠲᠸᠷᠢᠶᠠᠯ᠎ᠤᠨ ᠦᠨᠳᠦᠰᠦᠨ ᠡᠬᠢ ᠪᠤᠯᠠᠭ ᠪᠤᠯᠬᠤ ᠪᠦᠭᠡᠳ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠦᠷᠭᠦᠯᠵᠢᠯᠡᠨ ᠬᠦᠭᠵᠢᠬᠦ ᠵᠢᠨ ᠪᠤᠳᠠᠰ᠎ᠤᠨ ᠪᠠᠲᠤᠯᠠᠭ᠎ᠠ ᠪᠤᠯᠤᠨ᠎ᠠ᠃ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠶᠡᠷᠦᠨᠭᠭᠡᠢ᠌ᠯᠡᠨ ᠠᠰᠢᠭᠯᠠᠬᠤ ᠵᠢ ᠴᠢᠨᠭ᠌ᠭ᠋ᠠᠳᠬᠠᠬᠤ᠎ᠨᠢ᠂ ᠮᠠᠨ᠎ᠤ ᠤᠯᠤᠰ᠎ᠤᠨ ᠡᠬᠢ ᠪᠠᠶᠠᠯᠢᠭ᠎ᠤᠨ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠎ᠳᠤ ᠠᠰᠢᠭᠲᠠᠢ ᠪᠠᠢ᠌ᠬᠤ᠎ᠪᠠᠷ ᠪᠠᠷᠠᠬᠤ ᠦᠭᠡᠢ ᠪᠠᠰᠠ ᠠᠮᠢ ᠠᠬᠤᠢ ᠵᠢᠨ ᠪᠤᠯᠪᠠᠰᠤᠨ᠎ᠤ ᠪᠠᠢ᠌ᠭᠤᠯᠤᠯᠲᠠ ᠵᠢ ᠠᠬᠢᠭᠤᠯᠬᠤ ᠵᠢᠨ ᠴᠢᠬᠤᠯᠠ ᠠᠴᠢᠶᠠᠯᠠᠭᠴᠢ ᠪᠠ ᠠᠷᠭ᠎ᠠ ᠬᠡᠮᠵᠢᠶ᠎ᠡ ᠪᠤᠯᠬᠤ ᠶᠤᠮ᠃ ᠤᠢ᠌ᠷ᠎ᠠ ᠵᠢᠨ ᠵᠢᠯ᠎ᠳᠤ᠂ ᠮᠠᠨ᠎ᠤ ᠤᠷᠤᠨ᠎ᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠤᠨᠴᠠᠯᠢᠭ᠎ᠲᠠᠢ ᠤᠶᠠᠯᠳᠤᠭᠤᠯᠤᠨ᠂ ᠦᠪᠡᠷᠲᠡᠭᠡᠨ ᠵᠠᠰᠠᠬᠤ ᠤᠷᠤᠨ᠎ᠤ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠲᠢᠨᠭᠬᠢᠮ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ᠎ᠨᠦᠭᠦᠳ᠎ᠢ ᠲᠤᠭᠲᠠᠭ᠋ᠠᠨ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠠᠷᠪᠢᠯᠠᠬᠤ ᠪᠠ ᠶᠡᠷᠦᠨᠭᠭᠡᠢ᠌ᠯᠡᠨ ᠠᠰᠢᠭᠯᠡᠬᠤ ᠲᠠᠯ᠎ᠠ᠎ᠪᠠᠷ ᠨᠡᠯᠢᠶᠡᠳ ᠰᠠᠢ᠌ᠨ ᠠᠮᠵᠢᠯᠲᠠ ᠤᠯᠪᠠ᠃ ᠬᠤᠯᠪᠤᠭᠳᠠᠯ ᠪᠦᠬᠦᠢ ᠪᠠᠢ᠌ᠳᠠᠯ᠎ᠢ ᠬᠦᠨᠵᠡᠭᠡᠢ ᠤᠢ᠌ᠯᠠᠭ᠋ᠠᠬᠤ ᠵᠢᠨ ᠲᠤᠰᠠᠳᠠ᠂ ᠤᠢ᠌ᠷ᠎ᠠ᠎ᠳᠤ᠂ ᠪᠢᠳᠡ ᠦᠪᠡᠷᠲᠡᠭᠡᠨ ᠵᠠᠰᠠᠬᠤ ᠤᠷᠤᠨ᠎ᠤ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠲᠢᠨᠭᠬᠢᠮ᠎ᠤᠨ ᠳᠡᠳ᠋ ᠲᠤᠭᠤᠷᠢᠨ ᠪᠠᠢ᠌ᠴᠠᠭ᠋ᠠᠭᠴᠢ ᠸᠠᠨᠭ᠌ ᠵᠢᠶᠠᠨ ᠮᠢᠨᠢ 《ᠳᠤᠮᠳᠠᠲᠤ ᠤᠯᠤᠰ᠂ ᠦᠪᠦᠷ ᠮᠤᠨᠭ᠌ᠭᠤᠯ》 ᠰᠦᠯᠵᠢᠶ᠎ᠡ᠎ᠳᠤ ᠤᠷᠢᠵᠤ᠂ ᠲᠠ ᠪᠦᠬᠦᠨ᠎ᠲᠠᠢ ᠰᠦᠯᠵᠢᠶᠠᠨ ᠳᠡᠭᠡᠷ᠎ᠡ ᠵᠤᠭᠤᠭᠳᠠᠭᠤᠯᠬᠤ᠎ᠪᠠᠷ ᠪᠤᠯᠪᠠ᠂ ᠦᠷᠭᠡᠨ ᠤᠯᠠᠨ ᠰᠦᠯᠵᠢᠶᠠᠨ ᠠᠨᠳᠠ ᠨᠠᠷ᠎ᠤᠨ ᠲᠤᠬᠠᠢ ᠵᠢᠨ ᠴᠠᠭᠲᠤᠨᠢ ᠢᠳᠡᠪᠬᠢᠲᠠᠢ ᠤᠷᠤᠯᠴᠠᠬᠤ ᠵᠢ ᠪᠠᠶᠠᠷᠯᠠᠨ ᠤᠭᠲᠤᠶ᠎ᠠ!
[ᠬᠦᠲᠦᠯᠦᠭᠴᠢ] ᠰᠦᠯᠵᠢᠶᠡᠨ ᠠᠨᠳᠠ ᠨᠠᠷ ᠡ᠂ ᠦᠳᠡ ᠵᠢᠨ ᠡᠮᠦᠨ᠎ᠡ ᠵᠢᠨ ᠮᠡᠨᠳᠦ ᠬᠦᠷᠭᠡᠶ᠎ᠡ! ᠲᠤᠰ ᠬᠤᠭᠤᠴᠠᠭ᠋ᠠᠨ᠎ᠤ 《ᠳᠤᠮᠳᠠᠲᠤ ᠤᠯᠤᠰ· ᠦᠪᠦᠷ ᠮᠤᠨᠭ᠌ᠭᠤᠯ》 ᠰᠦᠯᠵᠢᠶᠡᠨ ᠳᠡᠭᠡᠷ᠎ᠡ ᠰᠤᠷᠪᠤᠯᠵᠢᠯᠠᠨ ᠶᠠᠷᠢᠯᠴᠠᠬᠤ ᠫᠷᠤᠭ᠌ᠷᠠᠮ᠎ᠳᠤ ᠲᠠ ᠪᠦᠬᠦᠨ᠎ᠢ ᠪᠠᠶᠠᠷᠯᠠᠨ ᠤᠭᠲᠤᠶ᠎ᠠ᠃ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ ᠪᠤᠯ ᠬᠦᠮᠦᠨ ᠲᠦᠷᠦᠯᠬᠢᠲᠠᠨᠤ ᠦᠢ᠍ᠯᠡᠳᠪᠦᠷᠢᠯᠡᠯ ᠪᠠ ᠠᠮᠢᠳᠤᠷᠠᠯ᠎ᠤᠨ ᠮᠠᠲᠸᠷᠢᠶᠠᠯ᠎ᠤᠨ ᠦᠨᠳᠦᠰᠦᠨ ᠡᠬᠢ ᠪᠤᠯᠠᠭ ᠪᠤᠯᠬᠤ ᠪᠦᠭᠡᠳ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠦᠷᠭᠦᠯᠵᠢᠯᠡᠨ ᠬᠦᠭᠵᠢᠬᠦ ᠵᠢᠨ ᠪᠤᠳᠠᠰ᠎ᠤᠨ ᠪᠠᠲᠤᠯᠠᠭ᠎ᠠ ᠪᠤᠯᠤᠨ᠎ᠠ᠃ ᠤᠢ᠌ᠷ᠎ᠠ ᠵᠢᠨ ᠵᠢᠯ᠎ᠳᠤ᠂ ᠮᠠᠨ᠎ᠤ ᠤᠷᠤᠨ᠎ᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠤᠨᠴᠠᠯᠢᠭ᠎ᠲᠠᠢ ᠤᠶᠠᠯᠳᠤᠭᠤᠯᠤᠨ᠂ ᠦᠪᠡᠷᠲᠡᠭᠡᠨ ᠵᠠᠰᠠᠬᠤ ᠤᠷᠤᠨ᠎ᠤ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠲᠢᠨᠭᠬᠢᠮ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ᠎ᠨᠦᠭᠦᠳ᠎ᠢ ᠲᠤᠭᠲᠠᠭ᠋ᠠᠨ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠠᠷᠪᠢᠯᠠᠬᠤ ᠪᠠ ᠶᠡᠷᠦᠨᠭᠭᠡᠢ᠌ᠯᠡᠨ ᠠᠰᠢᠭᠯᠡᠬᠤ ᠲᠠᠯ᠎ᠠ᠎ᠪᠠᠷ ᠨᠡᠯᠢᠶᠡᠳ ᠰᠠᠢ᠌ᠨ ᠠᠮᠵᠢᠯᠲᠠ ᠤᠯᠪᠠ᠃ ᠬᠤᠯᠪᠤᠭᠳᠠᠯ ᠪᠦᠬᠦᠢ ᠪᠠᠢ᠌ᠳᠠᠯ᠎ᠢ ᠬᠦᠨᠵᠡᠭᠡᠢ ᠤᠢ᠌ᠯᠠᠭ᠋ᠠᠬᠤ ᠵᠢᠨ ᠲᠤᠰᠠᠳᠠ᠂ ᠪᠢᠳᠡ ᠦᠨᠦᠳᠦᠷ ᠠᠵᠠ᠎ᠪᠠᠷ ᠦᠪᠡᠷᠲᠡᠭᠡᠨ ᠵᠠᠰᠠᠬᠤ ᠤᠷᠤᠨ᠎ᠤ ᠤᠯᠤᠰ᠎ᠤᠨ ᠭᠠᠵᠠᠷ ᠰᠢᠷᠤᠭ ᠡᠬᠢ ᠪᠠᠶᠠᠯᠢᠭ᠎ᠤᠨ ᠲᠢᠨᠭᠬᠢᠮ᠎ᠤᠨ ᠳᠡᠳ᠋ ᠲᠤᠭᠤᠷᠢᠨ ᠪᠠᠢ᠌ᠴᠠᠭ᠋ᠠᠭᠴᠢ ᠸᠠᠨᠭ᠌ ᠵᠢᠶᠠᠨ ᠮᠢᠨᠢ ᠤᠷᠢᠵᠤ ᠲᠡᠭᠦᠨ ᠵᠶ᠋ᠠᠷ ᠨᠠᠷᠢᠨ ᠲᠤᠲᠤᠷᠬᠠᠢ ᠲᠠᠢ᠌ᠯᠪᠤᠷᠢᠯᠠᠯᠲᠠ ᠬᠢᠯᠬᠡᠬᠦ ᠪᠤᠯᠤᠨ᠎ᠠ᠂ ᠰᠦᠯᠵᠢᠶᠠᠨ ᠠᠨᠳᠠ ᠨᠠᠷ ᠮᠠᠨ᠎ᠤ ᠰᠤᠷᠪᠤᠯᠵᠢᠯᠠᠨ ᠶᠠᠷᠢᠯᠴᠠᠬᠤ ᠪᠤᠯᠤᠨᠭ᠌᠎ᠳᠤ ᠢᠳᠡᠪᠬᠢᠲᠠᠢ ᠤᠷᠤᠯᠴᠠᠬᠤ ᠪᠤᠯᠪᠠᠤ᠃ ᠸᠠᠨᠭ᠌ ᠲᠢᠨᠭᠬᠢᠮ᠎ᠤᠨ ᠳᠠᠷᠤᠭ᠎ᠠ ᠵᠢ ᠪᠠᠶᠠᠷᠯᠠᠨ ᠤᠭᠲᠤᠶ᠎ᠠ!
[ᠸᠠᠨᠭ᠌ ᠵᠢᠶᠠᠨ ᠮᠢᠨ] ᠬᠦᠲᠦᠯᠦᠭᠴᠢ ᠰᠠᠢ᠌ᠨ ᠤᠤ᠂ ᠰᠦᠯᠵᠢᠶᠠᠨ ᠠᠨᠳᠠ ᠨᠠᠷ᠎ᠲᠤ ᠦᠳᠡ ᠵᠢᠨ ᠡᠮᠦᠨ᠎ᠡ ᠵᠢᠨ ᠮᠡᠨᠳᠦ ᠬᠦᠷᠭᠡᠶ᠎ᠡ! 《ᠰᠦᠯᠵᠢᠶᠠᠨ ᠳᠡᠭᠡᠷᠡᠬᠢ ᠰᠤᠷᠪᠤᠯᠵᠢᠯᠠᠭ᠎ᠠ》 ᠲᠠᠪᠴᠠᠨᠭ᠌ ᠵᠶ᠋ᠠᠷ ᠲᠠ ᠪᠦᠬᠦᠨ᠎ᠲᠠᠢ ᠶᠠᠷᠢᠯᠴᠠᠬᠤ ᠪᠤᠯᠤᠭᠰᠠᠨ᠎ᠳᠠᠭᠠᠨ ᠰᠡᠳᠬᠢᠯ ᠮᠠᠰᠢ ᠦᠨᠳᠦᠷ ᠪᠠᠢ᠌ᠨ᠎ᠠ᠃ ᠦᠷᠭᠡᠨ ᠤᠯᠠᠨ ᠰᠦᠯᠵᠢᠶᠠᠨ ᠠᠨᠳᠠ ᠨᠠᠷ ᠮᠠᠨ᠎ᠤ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠰᠠᠯᠠᠭ᠎ᠠ ᠮᠦᠴᠢᠷ᠎ᠤᠨ ᠡᠯ᠎ᠡ ᠵᠦᠢ᠍ᠯ᠎ᠤᠨ ᠠᠵᠢᠯ᠎ᠢ ᠠᠨᠭ᠌ᠬᠠᠷᠤᠯ᠎ᠳᠠᠭᠠᠨ ᠠᠪᠴᠤ ᠳᠡᠮᠵᠢᠵᠤ ᠢᠷᠡᠭᠰᠡᠨ᠎ᠳᠤ ᠲᠠᠯᠠᠷᠬᠠᠯ ᠵᠶ᠋ᠠᠨ ᠳᠡᠪᠰᠢᠬᠦᠯᠦᠶ᠎ᠡ!
[ᠬᠦᠲᠦᠯᠦᠭᠴᠢ] ᠸᠠᠨᠭ᠌ ᠲᠢᠨᠭᠬᠢᠮ᠎ᠤᠨ ᠳᠠᠷᠤᠭ᠎ᠠ ᠡ᠂ ᠲᠠ ᠶᠠᠭᠤᠨ᠎ᠤ ᠡᠮᠦᠨ᠎ᠡ ᠪᠢᠳᠡᠨ᠎ᠳᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ ᠭᠡᠳᠡᠭ᠎ᠨᠢ ᠶᠠᠭᠤ ᠪᠤᠯᠬᠤ ᠵᠢ ᠨᠠᠷᠢᠨ ᠲᠠᠢ᠌ᠯᠪᠤᠷᠢᠯᠠᠭ᠋ᠠᠳ ᠦᠭᠭᠦᠨ᠎ᠡ ᠤᠤ?
[ᠸᠠᠨᠭ᠌ ᠵᠢᠶᠠᠨ ᠮᠢᠨ] ᠵᠠ᠃ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ ᠭᠡᠳᠡᠭ᠎ᠨᠢ ᠳᠡᠯᠡᠭᠡᠢ ᠵᠢᠨ ᠴᠠᠷᠴᠠᠳᠠᠰᠤ ᠵᠢᠨ ᠳᠤᠲᠤᠭ᠋ᠠᠲᠤ ᠪᠤᠶᠤ ᠦᠨᠭᠭᠡᠨ ᠲᠠᠯ᠎ᠠ᠎ᠳᠤ ᠬᠠᠳᠠᠭ᠋ᠠᠯᠠᠭᠳᠠᠭᠰᠠᠨ᠂ ᠭᠠᠵᠠᠷ᠎ᠤᠨ ᠦᠢ᠍ᠯᠡᠳᠦᠯ ᠵᠶ᠋ᠠᠷ ᠪᠦᠷᠢᠯᠳᠦᠭᠰᠡᠨ ᠬᠠᠳᠠᠭᠤ ᠲᠦᠯᠦᠪᠲᠦ᠂ ᠰᠢᠨᠭᠭᠡᠨ ᠲᠦᠯᠦᠪᠲᠦ ᠪᠤᠶᠤ ᠬᠡᠢ ᠲᠦᠯᠦᠪᠲᠦ ᠠᠵᠤ ᠠᠬᠤᠢ ᠵᠢᠨ ᠪᠤᠳᠠᠲᠤ ᠪᠠ ᠨᠢᠭᠤᠭᠳᠠᠮᠠᠯ ᠠᠴᠢ ᠬᠤᠯᠪᠤᠭᠳᠠᠯ᠎ᠲᠠᠢ ᠡᠳ᠋ ᠠᠶᠠᠨᠳᠠᠭ᠋ᠠᠨ ᠬᠤᠷᠠᠵᠤ ᠡᠯᠪᠡᠭᠵᠢᠭᠰᠡᠨᠢ ᠵᠢᠭ᠋ᠠᠵᠤ ᠪᠤᠢ᠃
ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ ᠪᠤᠯ ᠬᠦᠮᠦᠨ ᠲᠦᠷᠦᠯᠬᠢᠲᠠᠨᠤ ᠦᠢ᠍ᠯᠡᠳᠪᠦᠷᠢᠯᠡᠯ ᠪᠠ ᠠᠮᠢᠳᠤᠷᠠᠯ᠎ᠤᠨ ᠮᠠᠲᠸᠷᠢᠶᠠᠯ᠎ᠤᠨ ᠦᠨᠳᠦᠰᠦᠨ ᠡᠬᠢ ᠪᠤᠯᠠᠭ ᠪᠤᠯᠬᠤ ᠪᠦᠭᠡᠳ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠦᠷᠭᠦᠯᠵᠢᠯᠡᠨ ᠬᠦᠭᠵᠢᠬᠦ ᠵᠢᠨ ᠪᠤᠳᠠᠰ᠎ᠤᠨ ᠪᠠᠲᠤᠯᠠᠭ᠎ᠠ ᠪᠤᠯᠤᠨ᠎ᠠ᠃ ᠦᠨᠦᠳᠦᠷ᠎ᠤᠨ ᠨᠡᠢ᠌ᠭᠡᠮ᠎ᠳᠤ 92%᠎ᠠᠴᠠ ᠳᠡᠭᠡᠭᠰᠢᠬᠢ ᠨᠢᠭᠡ ᠤᠳᠠᠭ᠎ᠠ ᠵᠢᠨ ᠡᠨ᠋ᠸᠷᠬᠢ᠂ 80% ᠵᠢᠨ ᠠᠵᠤ ᠦᠢ᠍ᠯᠡᠳᠪᠦᠷᠢ ᠵᠢᠨ ᠲᠦᠭᠦᠭᠡᠢ ᠮᠠᠲᠸᠷᠢᠶᠠᠯ᠂ 70%᠎ᠠᠴᠠ ᠳᠡᠭᠡᠭᠰᠢᠬᠢ ᠲᠡᠷᠢᠶᠠᠯᠠᠨᠭ᠌ᠤᠨ ᠦᠢ᠍ᠯᠡᠳᠪᠦᠷᠢᠯᠡᠯ᠎ᠤᠨ ᠬᠡᠷᠡᠭᠰᠡᠯ᠎ᠨᠢ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠠᠴᠠ ᠢᠷᠡᠯᠲᠡ᠎ᠲᠠᠢ᠃
ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ ᠪᠤᠯ ᠳᠡᠯᠡᠭᠡᠢ ᠵᠢᠨ ᠪᠦᠮᠪᠦᠷᠴᠡᠭ᠎ᠠᠴᠠ ᠬᠦᠮᠦᠨ ᠲᠦᠷᠦᠯᠬᠢᠲᠡᠨ᠎ᠳᠤ ᠤᠯᠭᠤᠵᠤ ᠪᠠᠢ᠌ᠭ᠎ᠠ ᠬᠠᠮᠤᠭ᠎ᠤᠨ ᠬᠤᠪᠤᠷ ᠨᠠᠨᠳᠢᠨ ᠡᠳ᠋ ᠪᠠᠶᠠᠯᠢᠭ ᠪᠤᠯᠬᠤ ᠪᠦᠭᠡᠳ ᠲᠡᠷᠡ᠎ᠨᠢ ᠨᠡᠢ᠌ᠭᠡᠮ᠎ᠤᠨ ᠬᠦᠭᠵᠢᠯᠲᠡ ᠵᠢᠨ ᠶᠠᠪᠤᠴᠠ᠎ᠳᠤ ᠲᠤᠢ᠌ᠯ᠎ᠤᠨ ᠴᠢᠬᠤᠯᠠ ᠦᠢ᠍ᠯᠡᠳᠦᠯ ᠦᠵᠡᠭᠦᠯᠵᠤ᠂ ᠬᠦᠮᠦᠰ᠎ᠤᠨ ᠤᠳᠤ ᠦᠶ᠎ᠡ ᠵᠢᠨ ᠠᠮᠢᠳᠤᠷᠠᠯ᠎ᠤᠨ ᠴᠢᠬᠤᠯᠠ ᠪᠦᠬᠦᠢ ᠨᠦᠬᠦᠴᠡᠯ ᠪᠤᠯᠬᠤ ᠶᠤᠮ᠃ ᠨᠡᠢ᠌ᠭᠡᠮ᠎ᠤᠨ ᠠᠳᠠᠯᠢ ᠪᠤᠰᠤ ᠱᠠᠲᠤ ᠦᠶ᠎ᠡ᠎ᠳᠤ ᠠᠵᠤ ᠠᠬᠤᠢ ᠵᠢᠨ ᠬᠢᠷᠢ ᠬᠡᠮᠵᠢᠶ᠎ᠡ ᠵᠢᠨ ᠠᠳᠠᠯᠢ ᠪᠤᠰᠤ ᠪᠠᠢ᠌ᠳᠠᠭ᠎ᠤᠨ ᠴᠢᠬᠤᠯᠠ ᠰᠢᠯᠲᠠᠭ᠋ᠠᠨ᠎ᠨᠢ ᠪᠤᠯ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠠᠰᠢᠭᠯᠠᠵᠤ ᠪᠠᠢ᠌ᠭ᠎ᠠ ᠵᠢᠨ ᠦᠷᠭᠡᠵᠢᠯ ᠪᠠ ᠬᠦᠨᠵᠡᠭᠡᠢ᠌ᠷᠡᠯ᠎ᠤᠨ ᠠᠳᠠᠯᠢ ᠪᠤᠰᠤ ᠪᠠᠢ᠌ᠭ᠎ᠠ᠎ᠠᠴᠠ ᠪᠤᠯᠤᠭᠰᠠᠨ ᠶᠤᠮ᠃
[ᠬᠦᠲᠦᠯᠦᠭᠴᠢ] ᠮᠠᠨ᠎ᠤ ᠤᠷᠤᠨ᠎ᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠲᠤ ᠶᠠᠮᠠᠷ ᠶᠠᠮᠠᠷ ᠤᠨᠴᠠᠯᠢᠭ᠎ᠲᠠᠢ ᠪᠤᠢ? ᠨᠡᠭᠡᠭᠡᠨ ᠠᠰᠢᠭᠯᠠᠵᠤ ᠪᠠᠢ᠌ᠭ᠎ᠠ ᠪᠠᠢ᠌ᠳᠠᠯ᠎ᠨᠢ ᠶᠠᠮᠠᠷ ᠪᠤᠢ?
[ᠸᠠᠨᠭ᠌ ᠵᠢᠶᠠᠨ ᠮᠢᠨ] ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ ᠭᠠᠵᠠᠷ ᠨᠤᠲᠤᠭ ᠦᠷᠭᠡᠨ ᠠᠭᠤᠳᠠᠮ᠂ ᠳᠡᠯᠡᠭᠡᠢ ᠵᠢᠨ ᠭᠤᠷᠪᠠᠨ ᠲᠤᠮᠤ ᠡᠷᠦᠳᠡᠰᠦ ᠵᠢᠨ ᠤᠷᠤᠨ᠎ᠤ ᠳᠤᠲᠤᠷᠠᠬᠢ ᠡᠷᠲᠡᠨ᠎ᠤ ᠠᠽᠢᠶ᠎ᠠ ᠲᠢᠪ᠎ᠤᠨ ᠡᠷᠦᠳᠡᠰᠦ ᠵᠢᠨ ᠤᠷᠤᠨ ᠪᠤᠯᠤᠨ ᠨᠤᠮᠤᠬᠠᠨ ᠳᠠᠯᠠᠢ ᠵᠢᠨ ᠡᠷᠬᠢᠨ ᠲᠤᠭᠤᠷᠢᠨ᠎ᠤ ᠡᠷᠦᠳᠡᠰᠦ ᠵᠢᠨ ᠤᠷᠤᠨ᠎ᠳᠤ ᠪᠠᠢ᠌ᠷᠢᠯᠠᠵᠤ᠂ ᠤᠮᠠᠷᠠᠲᠤ ᠤᠷᠤᠨ᠎ᠤ ᠭᠠᠵᠠᠷ᠎ᠤᠨ ᠳᠡᠨᠵᠢ ᠬᠢᠭᠡᠳ ᠲᠡᠭᠷᠢ ᠠᠭᠤᠯᠠ — ᠦᠪᠦᠷ ᠮᠤᠨᠭ᠌ᠭᠤᠯ ~ ᠬᠢᠨᠭ᠌ᠭ᠋ᠠᠨᠤ ᠭᠠᠵᠠᠷ᠎ᠤᠨ ᠬᠤᠨᠭ᠌ᠬᠢᠯ᠎ᠤᠨ ᠠᠲᠤᠷᠢᠶᠠᠲᠤ ᠤᠷᠤᠨ᠎ᠤ ᠬᠤᠶᠠᠷ ᠲᠤᠮᠤ ᠡᠬᠡ ᠭᠠᠵᠠᠷ᠎ᠤᠨ ᠲᠤᠭᠲᠠᠴᠠ ᠵᠢᠨ ᠨᠢᠭᠡᠴᠢ ᠵᠢ ᠰᠤᠨᠳᠠᠯᠠᠨ᠂ ᠡᠯ᠎ᠡ ᠴᠠᠭ ᠦᠶ᠎ᠡ ᠵᠢᠨ ᠭᠠᠵᠠᠷ᠎ᠤᠨ ᠳᠠᠪᠬᠤᠷᠭ᠎ᠠ ᠵᠢᠨ ᠪᠤᠢ᠌ᠵᠢᠯᠲᠠ ᠪᠦᠷᠢᠨ᠂ ᠮᠠᠭᠮᠠ ᠵᠢᠨ ᠬᠦᠳᠡᠯᠭᠡᠭᠡᠨ ᠰᠢᠷᠦᠭᠦᠨ᠂ ᠡᠷᠦᠳᠡᠰᠦᠵᠢᠬᠦᠯᠬᠦ ᠭᠠᠵᠠᠷ᠎ᠤᠨ ᠨᠦᠬᠦᠴᠡᠯ ᠳᠠᠪᠠᠭᠤᠯᠢᠭ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ ᠡᠯᠪᠡᠭ ᠳᠡᠯᠪᠡᠭ ᠪᠠᠢ᠌ᠵᠤ᠂ ᠢᠯᠡᠷᠡᠭᠦᠯᠦᠭᠰᠡᠨ ᠠᠭᠤᠷᠬᠠᠢ ᠵᠢᠨ ᠭᠠᠷᠤᠯᠲᠠ ᠵᠢᠨ ᠲᠦᠷᠦᠯ ᠵᠦᠢ᠍ᠯ ᠤᠯᠠᠨ᠂ ᠲᠠᠷᠬᠠᠵᠤ ᠪᠠᠢ᠌ᠭ᠎ᠠ ᠤᠷᠤᠨ᠎ᠨᠢ ᠦᠷᠭᠡᠨ᠂ ᠡᠨ᠋ᠸᠷᠬᠢ ᠬᠢᠭᠡᠳ ᠴᠢᠬᠤᠯᠠ ᠠᠭᠤᠷᠬᠠᠢ ᠵᠢᠨ ᠭᠠᠷᠤᠯᠲᠠ ᠵᠢᠨ ᠳᠠᠪᠠᠭᠤᠯᠢᠭ ᠲᠤᠲᠤᠷᠬᠠᠢ ᠵᠡᠷᠭᠡ ᠤᠨᠴᠠᠯᠢᠭ᠎ᠲᠠᠢ ᠪᠤᠯᠬᠤᠷ᠂ ᠮᠠᠨ᠎ᠤ ᠤᠯᠤᠰ᠎ᠤᠨ ᠴᠢᠬᠤᠯᠠ ᠡᠨ᠋ᠸᠷᠬᠢ ᠵᠢᠨ ᠬᠢᠭᠡᠳ ᠲᠦᠭᠦᠬᠡᠢ ᠮᠠᠲᠸᠷᠢᠶᠠᠯ᠎ᠤᠨ ᠪᠠᠢ᠌ᠯᠳᠤᠬᠤ ᠪᠤᠳᠤᠯᠭ᠎ᠠ ᠵᠢᠨ ᠰᠠᠭᠤᠷᠢᠨ ᠭᠠᠵᠠᠷ ᠪᠤᠯᠪᠠ᠃ 2013 ᠤᠨ᠎ᠤ ᠡᠴᠦᠰ ᠪᠤᠯᠲᠠᠯ᠎ᠠ᠂ ᠪᠦᠬᠦ ᠤᠷᠤᠨ᠎ᠳᠤ ᠨᠢᠭᠡᠨᠲᠡ 143 ᠵᠦᠢ᠍ᠯ᠎ᠤᠨ ᠠᠭᠤᠷᠬᠠᠢ ᠵᠢᠨ ᠭᠠᠷᠤᠯᠲᠠ ᠵᠢ ᠢᠯᠡᠷᠡᠭᠦᠯᠪᠡ᠃ ᠡᠭᠦᠨ᠎ᠳᠤ ᠴᠢᠯᠠᠭᠤᠨ ᠲᠤᠰᠤ᠂ ᠪᠠᠢ᠌ᠭ᠋ᠠᠯᠢ ᠵᠢᠨ ᠰᠢᠲᠠᠭᠴᠢ ᠬᠡᠢ᠂ ᠦᠷᠡᠨ᠎ᠤ ᠠᠭᠤᠷᠬᠠᠢ ᠪᠠ ᠭᠠᠵᠠᠷ᠎ᠤᠨ ᠢᠯᠴᠢ ᠵᠢ ᠪᠠᠭᠲᠠᠭ᠋ᠠᠭ᠋ᠠᠳ᠂ ᠪᠦᠬᠦ ᠤᠷᠤᠨ᠎ᠳᠤ ᠪᠠᠢ᠌ᠴᠠᠭ᠋ᠠᠨ ᠲᠤᠳᠤᠯᠠᠭᠰᠠᠨ ᠡᠬᠢ ᠪᠠᠶᠠᠯᠢᠭ᠎ᠤᠨ ᠬᠠᠳᠠᠭ᠋ᠠᠯᠠᠭᠳᠠᠴᠠ᠎ᠲᠠᠢ ᠠᠭᠤᠷᠬᠠᠢ ᠵᠢᠨ ᠭᠠᠷᠤᠯᠲᠠ 91 ᠵᠦᠢ᠍ᠯ (106 ᠳᠡᠳ᠋ ᠬᠦᠳᠡᠷ᠎ᠤᠨ ᠲᠦᠷᠦᠯ) ᠪᠠᠢ᠌ᠵᠤ᠂ ᠡᠭᠦᠨ᠎ᠳᠤ ᠡᠨ᠋ᠸᠷᠬᠢ ᠵᠢᠨ ᠠᠭᠤᠷᠬᠠᠢ ᠵᠢᠨ ᠭᠠᠷᠤᠯᠲᠠ 6 ᠵᠦᠢ᠍ᠯ᠂ ᠲᠠᠮᠦᠷᠯᠢᠭ ᠠᠭᠤᠷᠬᠠᠢ ᠵᠢᠨ ᠭᠠᠷᠤᠯᠲᠠ 37 ᠵᠦᠢ᠍ᠯ᠂ ᠲᠡᠮᠦᠷᠯᠢᠭ ᠪᠤᠰᠤ ᠠᠭᠤᠷᠬᠠᠢ ᠵᠢᠨ ᠭᠠᠷᠤᠯᠲᠠ 48 ᠵᠦᠢ᠍ᠯ (63 ᠳᠡᠳ᠋ ᠬᠦᠳᠡᠷ᠎ᠤᠨ ᠲᠦᠷᠦᠯ) ᠪᠠᠭᠲᠠᠵᠤ ᠪᠤᠢ᠃ ᠪᠦᠬᠦ ᠤᠷᠤᠨ᠎ᠳᠤ ᠠᠭᠤᠷᠬᠠᠢ ᠵᠢᠨ ᠭᠠᠷᠤᠯᠲᠠ ᠵᠢᠨ ᠭᠠᠵᠠᠷ 4000 ᠭᠠᠷᠤᠢ ᠵᠢ ᠢᠯᠡᠷᠡᠭᠦᠯᠵᠤ᠂ ᠡᠭᠦᠨ᠎ᠳᠤ ᠡᠬᠢ ᠪᠠᠶᠠᠯᠢᠭ᠎ᠤᠨ ᠬᠠᠳᠠᠭ᠋ᠠᠯᠠᠭᠳᠠᠴᠠ᠎ᠲᠠᠢ ᠠᠭᠤᠷᠬᠠᠢ ᠵᠢᠨ ᠭᠠᠷᠤᠯᠲᠠ ᠵᠢᠨ ᠭᠠᠵᠠᠷ 1782᠎ᠢ ᠪᠠᠢ᠌ᠴᠠᠭ᠋ᠠᠨ ᠢᠯᠡᠷᠡᠭᠦᠯᠵᠤ᠂ ᠪᠠᠢ᠌ᠴᠠᠭ᠋ᠠᠨ ᠢᠯᠡᠷᠡᠭᠦᠯᠦᠭᠰᠡᠨ ᠡᠬᠢ ᠪᠠᠶᠠᠯᠢᠭ᠎ᠤᠨ ᠬᠠᠳᠠᠭ᠋ᠠᠯᠠᠭᠳᠠᠴᠠ ᠵᠢᠨ ᠬᠡᠪᠴᠢᠶ᠎ᠡ ᠶᠤᠰᠤᠭ᠋ᠠᠷ᠂ ᠲᠤᠮᠤ ᠬᠡᠯᠪᠡᠷᠢ ᠵᠢᠨ ᠬᠢᠨᠢ 265 ᠭᠠᠵᠠᠷ᠂ ᠳᠤᠮᠳᠠ ᠬᠡᠯᠪᠡᠷᠢ ᠵᠢᠨ ᠬᠢᠨᠢ 323 ᠭᠠᠵᠠᠷ᠂ ᠪᠠᠭ᠎ᠠ ᠬᠡᠯᠪᠡᠷᠢ ᠵᠢᠨ ᠬᠢᠨᠢ 1194 ᠭᠠᠵᠠᠷ ᠪᠤᠢ᠃
ᠤᠳᠤᠬᠠᠨ᠎ᠳᠤ ᠪᠦᠬᠦ ᠤᠷᠤᠨ᠎ᠳᠤ ᠨᠡᠭᠡᠭᠡᠨ ᠠᠰᠢᠭᠯᠠᠭᠰᠠᠨ ᠲᠤᠰᠤ ᠬᠡᠢ ᠵᠢᠨ ᠲᠦᠷᠦᠯ᠎ᠤᠨ ᠪᠤᠰᠤ ᠠᠭᠤᠷᠬᠠᠢ ᠵᠢᠨ ᠭᠠᠷᠤᠯᠲᠠ ᠨᠡᠢ᠌ᠲᠡ 121 ᠵᠦᠢ᠍ᠯ ᠪᠤᠢ᠃ 2013 ᠤᠨ᠎ᠳᠤ᠂ ᠪᠦᠬᠦ ᠤᠷᠤᠨ᠎ᠳᠤ ᠲᠤᠰᠤ ᠬᠡᠢ ᠵᠢᠨ ᠲᠦᠷᠦᠯ᠎ᠤᠨ ᠪᠤᠰᠤ ᠠᠭᠤᠷᠬᠠᠢ ᠵᠢᠨ ᠠᠵᠤ ᠠᠬᠤᠢ᠌ᠯᠠᠯ ᠨᠡᠢ᠌ᠲᠡ 4870 ᠪᠠᠢ᠌ᠵᠤ᠂ ᠡᠭᠦᠨ᠎ᠳᠤ ᠲᠤᠮᠤ ᠬᠡᠯᠪᠡᠷᠢ ᠵᠢᠨ ᠠᠭᠤᠷᠬᠠᠢ ᠵᠢᠨ ᠠᠵᠤ ᠠᠬᠤᠢ᠌ᠯᠠᠯ 171᠂ ᠳᠤᠮᠳᠠ ᠬᠡᠯᠪᠡᠷᠢ ᠵᠢᠨ 342᠂ ᠪᠠᠭ᠎ᠠ ᠬᠡᠯᠪᠡᠷᠢ ᠵᠢᠨ 2358᠂ ᠵᠢᠵᠢᠭ ᠠᠭᠤᠷᠬᠠᠢ 1999 ᠪᠤᠢ; ᠠᠭᠤᠷᠬᠠᠢ᠎ᠳᠤ ᠠᠵᠢᠯᠯᠠᠵᠤ ᠪᠠᠢ᠌ᠭ᠎ᠠ ᠬᠦᠮᠦᠰ 28.92 ᠲᠦᠮᠡ ᠪᠤᠢ; ᠬᠦᠳᠡᠷ ᠭᠠᠷᠭ᠋ᠠᠬᠤ ᠪᠤᠳᠠᠲᠠᠢ ᠴᠢᠳᠠᠪᠤᠷᠢ ᠵᠢᠯ᠎ᠳᠤ 10.79 ᠳ᠋ᠦᠨᠭᠰᠢᠭᠤᠷ ᠳᠤᠨ ᠪᠠᠢ᠌ᠵᠤ᠂ ᠵᠢᠯ᠎ᠤᠨ ᠠᠭᠤᠷᠬᠠᠢ ᠵᠢᠨ ᠭᠠᠷᠤᠯᠲᠠ 10.41 ᠳ᠋ᠦᠨᠭᠰᠢᠭᠤᠷ ᠳᠤᠨ ᠪᠤᠢ; ᠠᠵᠤ ᠦᠢ᠍ᠯᠡᠳᠪᠦᠷᠢ ᠵᠢᠨ ᠦᠢ᠍ᠯᠡᠳᠭᠦᠨ᠎ᠤ ᠶᠡᠷᠦᠨᠭᠭᠡᠢ ᠦᠷᠲᠡᠭ᠎ᠢ 1910.40 ᠳ᠋ᠦᠨᠭᠰᠢᠭᠤᠷ ᠲᠦᠬᠦᠷᠢᠭ ᠪᠡᠶᠡᠯᠡᠭᠦᠯᠵᠤ ᠪᠤᠢ; ᠠᠭᠤᠷᠬᠠᠢ ᠵᠢᠨ ᠪᠦᠲᠦᠭᠡᠭᠳᠡᠬᠦᠨ᠎ᠤ ᠪᠤᠷᠤᠯᠠᠭᠤᠯᠭ᠎ᠠ ᠵᠢᠨ ᠤᠷᠤᠯᠭ᠎ᠠ 1806.48 ᠳ᠋ᠦᠨᠭᠰᠢᠭᠤᠷ ᠲᠦᠭᠦᠷᠢᠭ; ᠠᠰᠢᠭ ᠬᠤᠨᠵᠢᠪᠤᠷᠢ ᠵᠢᠨ ᠶᠡᠷᠦᠨᠭᠭᠡᠢ ᠬᠡᠮᠵᠢᠶ᠎ᠡ 248.60 ᠳ᠋ᠦᠨᠭᠰᠢᠭᠤᠷ ᠲᠦᠭᠦᠷᠢᠭ; ᠶᠡᠷᠦᠨᠭᠭᠡᠢ᠌ᠯᠡᠨ ᠠᠰᠢᠭᠯᠠᠵᠤ ᠪᠠᠢ᠌ᠭ᠎ᠠ ᠦᠢ᠍ᠯᠡᠳᠭᠦᠨ᠎ᠤ ᠦᠷᠲᠡᠭ 161.27 ᠳ᠋ᠦᠨᠭᠰᠢᠭᠤᠷ ᠲᠦᠭᠦᠷᠢᠭ ᠪᠤᠯᠤᠨ᠎ᠠ᠃
[ᠬᠦᠲᠦᠯᠦᠭᠴᠢ] ᠶᠠᠭᠤᠨ᠎ᠳᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠠᠷᠪᠢᠯᠠᠬᠤ ᠪᠠ ᠶᠡᠷᠦᠨᠭᠭᠡᠢ᠌ᠯᠡᠨ ᠠᠰᠢᠭᠯᠠᠬᠤ ᠪᠤᠢ?
[ᠸᠠᠨᠭ᠌ ᠵᠢᠶᠠᠨ ᠮᠢᠨ] ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠦᠷᠭᠦᠯᠵᠢᠯᠡᠭᠰᠡᠨ ᠬᠠᠨᠭ᠌ᠭ᠋ᠠᠯᠭ᠎ᠠ ᠪᠤᠯ ᠨᠡᠢ᠌ᠭᠡᠮ᠎ᠤᠨ ᠠᠵᠤ ᠠᠬᠤᠢ ᠵᠢᠨ ᠲᠤᠭᠲᠠᠭᠤᠨ ᠵᠶ᠋ᠠᠷ ᠬᠦᠭᠵᠢᠬᠦ ᠵᠢᠨ ᠦᠨᠳᠦᠰᠦᠨ ᠪᠠᠲᠤᠯᠠᠭ᠎ᠠ ᠪᠤᠯᠤᠨ᠎ᠠ᠃ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠨᠭ᠌ᠭ᠋ᠠᠯᠭ᠎ᠠ ᠵᠢ ᠪᠠᠲᠤᠯᠠᠬᠤ᠎ᠳᠤ᠂ ᠨᠢᠭᠡ᠎ᠳᠤ ᠡᠬᠢ ᠪᠠᠶᠠᠯᠢᠭ᠎ᠢ ᠨᠡᠬᠡᠬᠡᠵᠤ᠂ ᠬᠤᠶᠠᠷ᠎ᠲᠤ ᠵᠠᠷᠤᠴᠠᠭᠤᠯᠭ᠎ᠠ ᠵᠢ ᠠᠷᠪᠢᠯᠠᠨ᠎ᠠ᠃ ᠡᠬᠢ ᠪᠠᠶᠠᠯᠢᠭ᠎ᠢ ᠨᠡᠭᠡᠭᠡᠬᠦ᠎ᠳᠤ ᠭᠠᠵᠠᠷ ᠰᠢᠨᠵᠢᠯᠡᠭᠡᠨ᠎ᠤ ᠠᠭᠤᠷᠬᠠᠢ ᠡᠷᠢᠬᠦ ᠡᠷᠴᠢᠮ᠎ᠢ ᠨᠡᠮᠡᠭᠳᠡᠭᠦᠯᠦᠨ᠂ ᠨᠡᠨᠭ ᠠᠷᠪᠢᠨ ᠰᠢᠨ᠎ᠡ ᠡᠬᠢ ᠪᠠᠶᠠᠯᠢᠭ᠎ᠢ ᠬᠠᠢ᠌ᠨ᠎ᠠ; ᠵᠠᠷᠤᠴᠠᠭᠤᠯᠭ᠎ᠠ ᠵᠢ ᠠᠷᠪᠢᠯᠠᠬᠤ ᠪᠤᠯ ᠤᠳᠤ ᠪᠠᠢ᠌ᠭ᠎ᠠ ᠡᠬᠢ ᠪᠠᠶᠠᠯᠢᠭ ᠵᠶ᠋ᠠᠨ ᠬᠠᠮᠤᠭ᠎ᠤᠨ ᠶᠡᠭᠡ ᠬᠡᠪᠴᠢᠶ᠎ᠡ᠎ᠪᠠᠷ ᠰᠠᠢ᠌ᠲᠤᠷ ᠠᠰᠢᠭᠯᠠᠨ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠶᠡᠷᠦᠨᠭᠭᠡᠢ᠌ᠯᠡᠨ ᠠᠰᠢᠭᠯᠠᠬᠤ ᠵᠢ ᠴᠢᠨᠭ᠌ᠭ᠋ᠠᠳᠬᠠᠨ᠎ᠠ᠃ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠶᠡᠷᠦᠨᠭᠭᠡᠢ᠌ᠯᠡᠨ ᠠᠰᠢᠭᠯᠠᠬᠤ᠎ᠨᠢ ᠮᠠᠨ᠎ᠤ ᠤᠯᠤᠰ᠎ᠤᠨ ᠡᠬᠢ ᠪᠠᠶᠠᠯᠢᠭ᠎ᠤᠨ ᠪᠠᠲᠤᠯᠠᠭ᠎ᠠ ᠵᠢᠨ ᠬᠡᠮᠵᠢᠶ᠎ᠡ ᠵᠢ ᠳᠡᠭᠡᠭᠰᠢᠯᠡᠬᠦᠯᠬᠦ᠎ᠳᠤ ᠠᠰᠢᠭᠲᠠᠢᠪᠠᠷ ᠪᠠᠷᠠᠬᠤ ᠦᠭᠡᠢ ᠪᠠᠰᠠ ᠠᠮᠢ ᠠᠬᠤᠢ ᠵᠢᠨ ᠪᠤᠯᠪᠠᠰᠤᠨ᠎ᠤ ᠪᠠᠢ᠌ᠭᠤᠯᠤᠯᠲᠠ ᠵᠢ ᠠᠬᠢᠭᠤᠯᠬᠤ ᠴᠢᠬᠤᠯᠠ ᠠᠴᠢᠶᠠᠯᠠᠭᠴᠢ ᠪᠠ ᠠᠷᠭ᠎ᠠ ᠪᠠᠷᠢᠯ ᠪᠤᠯᠤᠨ᠎ᠠ᠃ ᠶᠠᠭ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠵᠢᠭ᠋ᠠᠵᠤ ᠭᠠᠷᠭ᠋ᠠᠰᠠᠨᠴᠢᠯᠠᠨ᠂ ᠡᠬᠢ ᠪᠠᠶᠠᠯᠢᠭ᠎ᠢ ᠠᠷᠪᠢᠯᠠᠬᠤ ᠪᠤᠯ ᠠᠮᠢ ᠠᠬᠤᠢ ᠵᠢᠨ ᠤᠷᠴᠢᠨ ᠲᠤᠭᠤᠷᠢᠨ᠎ᠢ ᠬᠠᠮᠠᠭ᠋ᠠᠯᠠᠬᠤ ᠵᠢᠨ ᠦᠨᠳᠦᠰᠦᠨ ᠬᠠᠷᠢᠭᠤᠴᠠᠬᠤ ᠪᠤᠳᠤᠯᠭ᠎ᠠ ᠪᠤᠯᠤᠨ᠎ᠠ᠃
ᠬᠡᠳᠦᠢ᠌ᠪᠡᠷ ᠮᠠᠨ᠎ᠤ ᠤᠷᠤᠨ᠎ᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠳᠠᠭ᠋ᠠᠯᠠᠭᠳᠠᠴᠠ ᠡᠯᠪᠡᠭ ᠪᠠᠶᠠᠯᠢᠭ᠂ ᠲᠦᠷᠦᠯ ᠵᠦᠢ᠍ᠯ᠎ᠨᠢ ᠪᠦᠷᠢᠨ ᠬᠦᠢ᠍ᠴᠡᠳ ᠪᠤᠯᠪᠠᠴᠤ ᠨᠡᠢ᠌ᠭᠡᠮ᠎ᠤᠨ ᠬᠦᠭᠵᠢᠯᠲᠡ ᠵᠢᠨ ᠶᠠᠪᠤᠴᠠ᠎ᠳᠤ ᠶᠡᠬᠡ ᠬᠡᠮᠵᠢᠶ᠎ᠡ᠎ᠪᠠᠷ ᠬᠤᠷᠤᠭᠳᠠᠭᠤᠯᠬᠤ ᠵᠢ ᠳᠠᠭ᠋ᠠᠯᠳᠤᠨ᠂ ᠮᠠᠨ᠎ᠤ ᠤᠷᠤᠨ᠎ᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠦᠷᠭᠦᠯᠵᠢᠯᠡᠭᠰᠡᠨ ᠬᠠᠨᠭ᠌ᠭ᠋ᠠᠯᠭ᠎ᠠ ᠵᠢᠨ ᠪᠠᠢ᠌ᠳᠠᠯ ᠮᠦᠨᠬᠦ ᠲᠤᠢ᠌ᠯ᠎ᠤᠨ ᠬᠠᠲᠠᠭᠤ ᠴᠢᠨᠭᠭ᠎ᠠ ᠪᠤᠢ᠃ ᠶᠡᠷᠦᠨᠭᠭᠡᠢ᠎ᠳᠤᠨᠢ ᠠᠪᠴᠤ ᠬᠡᠯᠡᠪᠡᠯ᠂ ᠮᠠᠨ᠎ᠤ ᠤᠷᠤᠨ᠎ᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠲᠤ ᠪᠠᠶᠠᠯᠢᠭ ᠬᠦᠳᠡᠷ᠂ ᠲᠤᠮᠤ ᠬᠡᠯᠪᠡᠷᠢ ᠵᠢᠨ᠂ ᠤᠨᠴᠠ ᠲᠤᠮᠤ ᠬᠡᠯᠪᠡᠷᠢ ᠵᠢᠨ ᠬᠦᠳᠡᠷ᠎ᠤᠨ ᠬᠡᠪᠲᠡᠰᠢ ᠴᠦᠬᠡᠨ᠂ ᠵᠢᠵᠢᠭ ᠬᠦᠳᠡᠷ᠂ ᠮᠠᠭᠤ ᠬᠦᠳᠡᠷ᠂ ᠰᠢᠯᠢᠬᠦ᠎ᠳᠤ ᠬᠦᠴᠢᠷ ᠬᠦᠳᠡᠷ ᠠᠷᠪᠢᠨ᠂ ᠡᠬᠢ ᠪᠠᠶᠠᠯᠢᠭ ᠤᠤᠯ᠎ᠠᠴᠠ᠎ᠪᠠᠨ ᠪᠠᠷᠤᠭᠲᠠᠢ ᠪᠠᠢ᠌ᠭᠰᠠᠨ ᠤᠨᠴᠠᠯᠢᠭ᠎ᠲᠠᠢ ᠶᠤᠮ᠃ ᠠᠭᠤᠷᠬᠠᠢ ᠵᠢᠨ ᠭᠠᠷᠤᠯᠲᠠ ᠵᠢ ᠰᠢᠯᠢᠬᠦ᠎ᠳᠤ ᠬᠦᠴᠢᠷ ᠪᠠᠢ᠌ᠬᠤ ᠵᠢᠨ ᠭᠤᠤᠯ ᠰᠢᠯᠲᠠᠭ᠋ᠠᠨ᠎ᠨᠢ ᠡᠨᠭ ᠲᠡᠷᠢᠬᠦᠨ᠎ᠳᠤ ᠴᠢᠨᠠᠷ ᠳᠡᠰ᠎ᠨᠢ ᠳᠤᠤᠷ᠎ᠠ᠂ ᠨᠢᠭᠡᠨᠲᠡ ᠪᠠᠢ᠌ᠴᠠᠭ᠋ᠠᠨ ᠢᠯᠡᠷᠡᠭᠦᠯᠦᠭᠰᠡᠨ ᠡᠬᠢ ᠪᠠᠶᠠᠯᠢᠭ᠎ᠤᠨ ᠬᠠᠳᠠᠭ᠋ᠠᠯᠠᠭᠳᠠᠴᠠ᠎ᠳᠤ 99.6% ᠵᠢᠨ ᠲᠡᠮᠤᠷ᠎ᠤᠨ ᠬᠦᠳᠡᠷ᠂ 28.72%᠎ᠤᠨ ᠭᠠᠤᠯᠢ ᠵᠢᠨ ᠬᠦᠳᠡᠷ᠂ 98% ᠵᠢᠨ ᠹᠤᠰᠹᠤᠷ ᠬᠦᠳᠡᠷ ᠪᠤᠯᠤᠨ ᠪᠦᠬᠦ ᠬᠦᠬᠦᠷᠲᠦ ᠲᠡᠮᠦᠷ᠎ᠤᠨ ᠬᠦᠳᠡᠷ᠎ᠨᠢ ᠴᠦᠮ ᠮᠠᠭᠤ ᠬᠦᠳᠡᠷ ᠪᠤᠯᠤᠨ᠎ᠠ᠃ ᠳᠠᠷᠠᠭ᠋ᠠᠯᠠᠪᠠᠯ ᠲᠡᠮᠦᠷᠯᠢᠭ᠎ᠤᠨ ᠬᠦᠳᠡᠷ᠎ᠤᠨ ᠬᠡᠪᠲᠡᠰᠢ᠎ᠳᠤ ᠬᠠᠮᠲᠤ ᠤᠷᠤᠰᠢᠬᠤ ᠡᠯᠸᠮᠸᠨ᠋ᠲ ᠠᠷᠪᠢᠨ ᠪᠠᠢ᠌ᠵᠤ᠂ ᠲᠡᠮᠦᠷ᠂ ᠭᠠᠤᠯᠢ᠂ ᠲᠤᠭᠤᠯᠭ᠎ᠠ᠂ ᠴᠠᠢ᠌ᠷ᠂ ᠠᠯᠲᠠ᠂ ᠮᠦᠨᠭᠭᠦ᠂ ᠬᠤᠪᠤᠷ ᠰᠢᠷᠤᠢ᠂ ᠨᠢᠶᠤᠪᠢ᠂ ᠲᠠᠨᠲ᠋ᠠᠯ ᠵᠡᠷᠭᠡ 10 ᠵᠦᠢ᠍ᠯ᠎ᠤᠨ ᠠᠭᠤᠷᠬᠠᠢ ᠵᠢᠨ ᠭᠠᠷᠤᠯᠲᠠ ᠵᠢᠨ ᠪᠦᠷᠢᠳᠭᠡᠭᠰᠡᠨᠢ ᠦᠨᠳᠦᠰᠦᠯᠡᠪᠡᠯ᠂ ᠲᠤᠮᠤ᠂ ᠳᠤᠮᠳᠠ᠂ ᠪᠠᠭ᠎ᠠ ᠬᠡᠯᠪᠡᠷᠢ ᠵᠢᠨ ᠠᠭᠤᠷᠬᠠᠢ ᠵᠢᠨ ᠭᠠᠷᠤᠯᠲᠠ ᠵᠢᠨ ᠭᠠᠵᠠᠷ᠎ᠲᠤ ᠬᠠᠮᠲᠤ ᠤᠷᠤᠰᠢᠬᠤ᠂ ᠳᠠᠭ᠋ᠠᠯᠳᠤᠵᠤ ᠤᠷᠤᠰᠢᠬᠤ ᠬᠦᠳᠡᠷ᠎ᠤᠨ ᠬᠠᠷᠢᠴᠠᠯ ᠲᠤᠰ ᠲᠤᠰ 51.8%᠂31.43% ᠪᠠ 34.43% ᠪᠠᠢ᠌ᠬᠤ ᠲᠤᠯᠠ᠂ ᠡᠳᠡᠭᠡᠷ ᠠᠭᠤᠷᠬᠠᠢ ᠵᠢᠨ ᠭᠠᠷᠤᠯᠲᠠ ᠵᠢ ᠨᠡᠭᠡᠭᠡᠭᠡᠳ ᠬᠡᠷᠪᠡ ᠬᠦᠢ᠍ᠴᠡᠳ ᠶᠡᠷᠦᠨᠭᠭᠡᠢ᠌ᠯᠡᠨ ᠠᠰᠢᠭᠯᠠᠬᠤ ᠦᠭᠡᠢ ᠪᠤᠯ ᠠᠵᠤ ᠠᠬᠤᠢ ᠵᠢᠨ ᠲᠠᠯ᠎ᠠ᠎ᠪᠠᠷ ᠠᠰᠢᠭ ᠬᠤᠨᠵᠢᠪᠤᠷᠢ ᠤᠯᠬᠤ ᠵᠢ ᠪᠡᠶᠡᠯᠡᠭᠦᠯᠬᠦ᠎ᠳᠤ ᠪᠡᠷᠭᠡ ᠶᠤᠮ᠃ ᠭᠤᠷᠪᠠ᠎ᠳᠤ ᠬᠦᠳᠡᠷ᠎ᠤᠨ ᠪᠦᠷᠢᠯᠳᠦᠬᠦᠨ᠎ᠨᠢ ᠪᠤᠳᠤᠯᠢᠶᠠᠨᠲᠠᠢ᠂ ᠬᠡᠷᠡᠭᠴᠡᠭᠡ᠎ᠲᠠᠢ ᠡᠷᠦᠳᠡᠰᠦ ᠵᠢ ᠰᠠᠯᠭ᠋ᠠᠬᠤ᠎ᠳᠤ ᠬᠢᠯᠪᠡᠷ ᠪᠤᠰᠤ ᠵᠡᠷᠭᠡ ᠰᠢᠯᠲᠠᠭ᠋ᠠᠨ᠎ᠠᠴᠠ ᠪᠤᠯᠤᠭ᠋ᠠᠳ᠂ ᠰᠢᠯᠢᠵᠤ ᠪᠤᠯᠪᠠᠰᠤᠷᠠᠭᠤᠯᠬᠤ ᠬᠦᠴᠢᠷ᠎ᠢ ᠨᠡᠮᠡᠭᠳᠡᠭᠦᠯᠦᠨ᠂ ᠶᠡᠷᠦᠨᠭᠭᠡᠢ᠌ᠯᠡᠨ ᠠᠰᠢᠭᠯᠠᠭᠰᠠᠨ ᠦᠷ᠎ᠡ ᠪᠦᠲᠦᠮᠵᠢ ᠵᠢ ᠢᠯᠡᠷᠭᠡᠢ ᠪᠤᠰᠤ ᠪᠤᠯᠭ᠋ᠠᠵᠤ ᠪᠠᠢ᠌ᠨ᠎ᠠ᠃
ᠮᠠᠨ᠎ᠤ ᠤᠷᠤᠨ᠎ᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠤᠨᠴᠠᠯᠢᠭ᠎ᠨᠢ᠂ ᠪᠢᠳᠡᠨ᠎ᠤ ᠡᠬᠢ ᠪᠠᠶᠠᠯᠢᠭ᠎ᠢ ᠡᠷᠬᠡᠪᠰᠢ ᠠᠷᠪᠢᠯᠠᠵᠤ ᠡᠷᠴᠢᠮᠯᠢᠭ ᠠᠰᠢᠭᠯᠠᠬᠤ ᠠᠵᠢᠯ᠎ᠢ ᠴᠢᠨᠭ᠌ᠭ᠋ᠠᠳᠬᠠᠬᠤ ᠬᠡᠷᠡᠭᠲᠠᠢ ᠬᠡᠰᠡᠨ᠎ᠢ ᠰᠢᠭᠤᠳ ᠲᠤᠭᠲᠠᠭ᠋ᠠᠭᠰᠠᠨ ᠵᠶ᠋ᠠᠷ ᠪᠠᠷᠠᠬᠤ ᠦᠭᠡᠢ ᠪᠠᠰᠠ ᠮᠠᠨ᠎ᠤ ᠤᠷᠤᠨ᠎ᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠶᠡᠷᠦᠨᠭᠭᠡᠢ᠌ᠯᠡᠨ ᠠᠰᠢᠭᠯᠠᠬᠤ᠎ᠳᠤ ᠲᠤᠢ᠌ᠯ᠎ᠤᠨ ᠶᠡᠬᠡ ᠬᠦᠭᠵᠢᠯᠲᠡ ᠵᠢᠨ ᠤᠷᠤᠨ ᠵᠠᠢ ᠪᠠ ᠳᠠᠯᠳᠠ ᠬᠦᠴᠦᠨ᠎ᠲᠠᠢ ᠬᠡᠰᠡᠨ᠎ᠢ ᠬᠠᠷᠠᠭᠤᠯᠵᠤ ᠪᠠᠢ᠌ᠭ᠎ᠠ ᠶᠤᠮ᠃
[ᠬᠦᠲᠦᠯᠦᠭᠴᠢ] ᠸᠠᠩ ᠲᠢᠩᠬᠢᠮ᠎ᠤᠨ ᠳᠠᠷᠤᠭ᠎ᠠ ᠡ᠂ ᠮᠠᠨ᠎ᠤ ᠣᠷᠣᠨ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠬᠦ᠎ᠳᠤ ᠠᠷᠪᠢᠯᠠᠬᠤ ᠪᠠ ᠶᠡᠷᠦᠩᠭᠡᠢ᠌ᠯᠡᠨ ᠠᠰᠢᠭᠯᠠᠬᠤ ᠲᠠᠯ᠎ᠠ᠎ᠪᠠᠷ ᠶᠠᠮᠠᠷ ᠶᠠᠮᠠᠷ ᠠᠵᠢᠯ ᠦᠷᠨᠢᠭᠦᠯᠦᠭᠰᠡᠨ ᠪᠤᠢ?
[ᠸᠠᠩ ᠵᠢᠶᠠᠨ ᠮᠢᠨ] (ᠨᠢᠭᠡ) ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ 《ᠭᠤᠷᠪᠠᠨ ᠨᠣᠷᠮ᠎ᠠ》 ᠵᠢᠨ ᠬᠠᠮᠢᠶᠠᠷᠤᠯᠲᠠ ᠵᠢ ᠴᠢᠩᠭ᠋ᠠᠳᠬᠠᠪᠠ᠃
ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ 《ᠭᠣᠷᠪᠠᠨ ᠨᠣᠷᠮ᠎ᠠ》 ᠭᠡᠳᠡᠭ᠎ᠨᠢ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢᠨ ᠨᠡᠭᠡᠭᠡᠨ ᠮᠠᠯᠲᠠᠬᠤ ᠲᠠᠬᠢᠵᠤ ᠮᠠᠯᠲᠠᠬᠤ ᠨᠣᠷᠮ᠎ᠠ᠂ ᠬᠦᠳᠡᠷ ᠰᠢᠯᠢᠵᠦ ᠡᠭᠡᠭᠦᠯᠦᠨ ᠠᠪᠬᠤ ᠨᠣᠷᠮ᠎ᠠ ᠪᠣᠯᠣᠨ ᠶᠡᠷᠦᠩᠭᠡᠢ᠌ᠯᠡᠨ ᠠᠰᠢᠭᠯᠠᠬᠤ ᠨᠣᠷᠮ᠎ᠠ ᠵᠡᠷᠭᠡ ᠭᠤᠷᠪᠠᠨ ᠵᠦᠢ᠍ᠯ᠎ᠤᠨ ᠭᠦᠢ᠍ᠴᠡᠳᠬᠡᠬᠦ ᠲᠣᠭ᠎ᠠ (ᠳᠣᠷᠣᠭᠰᠢ 《ᠭᠣᠷᠪᠠᠨ ᠨᠣᠷᠮ᠎ᠠ》 ᠭᠡᠵᠦ ᠲᠣᠪᠴᠢᠯᠠᠨ᠎ᠠ) ᠵᠢ ᠵᠢᠭ᠋ᠠᠵᠤ ᠪᠠᠢ᠌ᠭ᠎ᠠ ᠪᠦᠭᠡᠳ ᠠᠭᠤᠷᠬᠠᠢ ᠵᠢᠨ ᠭᠠᠷᠣᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠵᠤ ᠪᠠᠢ᠌ᠭ᠎ᠠ ᠬᠢᠷᠢ ᠬᠡᠮᠵᠢᠶ᠎ᠡ ᠵᠢ ᠦᠨᠡᠯᠡᠬᠦ ᠭᠣᠣᠯ ᠪᠤᠯᠬᠤ ᠭᠦᠢ᠍ᠴᠡᠳᠬᠡᠬᠦ ᠲᠣᠭ᠎ᠠ ᠪᠠᠢ᠌ᠵᠤ᠂ ᠠᠭᠤᠷᠬᠠᠢ ᠵᠢᠨ ᠠᠵᠤ ᠠᠬᠤᠢ᠌ᠯᠠᠯ᠎ᠤᠨ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠬᠠᠮᠣᠭ᠎ᠤᠨ ᠳᠣᠣᠷ᠎ᠠ ᠪᠠᠷᠢᠮᠵᠢᠶ᠎ᠠ ᠪᠣᠯᠣᠨ᠎ᠠ᠃ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠶᠠᠮᠣᠨ᠎ᠤ ᠠᠷᠪᠢᠯᠠᠬᠤ ᠵᠢ ᠡᠩ ᠲᠡᠷᠢᠭᠦᠨ᠎ᠳᠤ ᠪᠠᠢ᠌ᠯᠭ᠋ᠠᠬᠤ ᠪᠠᠢ᠌ᠯᠳᠤᠬᠤ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠠᠷᠪᠢᠲᠠᠢ ᠡᠷᠴᠢᠮᠯᠢᠭ ᠠᠰᠢᠭᠯᠠᠬᠤ ᠲᠣᠭᠲᠠᠴᠠ ᠪᠠ ᠠᠮᠢ ᠠᠬᠤᠢ ᠵᠢᠨ ᠪᠣᠯᠪᠠᠰᠣᠨ᠎ᠤ ᠪᠠᠢ᠌ᠭᠤᠯᠤᠯᠲᠠ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠦᠭᠡᠳ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠵᠦᠢ ᠵᠣᠬᠢᠰᠲᠠᠢ ᠨᠡᠭᠡᠭᠡᠵᠤ ᠠᠰᠢᠭᠯᠠᠬᠤ ᠵᠢᠨ ᠬᠢᠨᠠᠯᠲᠠ ᠲᠠᠯᠪᠢᠵᠤ ᠬᠠᠮᠢᠶᠠᠷᠬᠤ ᠵᠢ ᠴᠢᠩᠭ᠋ᠠᠷᠠᠭᠤᠯᠤᠨ᠂ ᠠᠭᠤᠷᠬᠠᠢ ᠵᠢᠨ ᠠᠵᠤ ᠠᠬᠤᠢ᠌ᠯᠠᠯ᠎ᠤᠨ ᠠᠷᠪᠢᠯᠠᠬᠤ ᠪᠠ ᠶᠡᠷᠦᠩᠭᠡᠢ᠌ᠯᠡᠨ ᠠᠰᠢᠭᠯᠠᠬᠤ ᠵᠢ ᠠᠬᠢᠭᠤᠯᠬᠤ ᠪᠦᠲᠦᠮᠵᠢ᠎ᠲᠠᠢ ᠠᠷᠭ᠎ᠠ ᠪᠠᠷᠢᠯ ᠪᠣᠯᠣᠨ᠎ᠠ᠃
ᠣᠳᠣᠬᠠᠨ᠎ᠳᠤ᠂ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠶᠠᠮᠣᠨ ᠭᠤᠷᠪᠠᠨ ᠪᠦᠯᠦᠭ ᠨᠡᠢ᠌ᠲᠡ 20 ᠬᠦᠳᠡᠷ᠎ᠤᠨ ᠵᠦᠢ᠍ᠯ᠎ᠤᠨ 《ᠭᠣᠷᠪᠠᠨ ᠨᠣᠷᠮ᠎ᠠ》 ᠵᠢᠨ ᠬᠠᠮᠤᠭ᠎ᠤᠨ ᠳᠣᠣᠷ᠎ᠠ ᠭᠦᠢ᠍ᠴᠳᠬᠡᠬᠦ ᠲᠣᠭ᠎ᠠ ᠵᠢᠨ ᠪᠠᠷᠢᠮᠵᠢᠶ᠎ᠠ ᠵᠢ ᠨᠡᠢ᠌ᠲᠡᠯᠡᠵᠦ᠂ ᠡᠨ᠋ᠸᠷᠬᠢ ᠪᠣᠯᠬᠤ ᠠᠭᠤᠷᠬᠠᠢ ᠵᠢᠨ ᠭᠠᠷᠤᠯᠲᠠ᠂ ᠥᠩᠭᠡᠲᠦ ᠲᠡᠮᠦᠷᠯᠢᠭ᠎ᠤᠨ ᠠᠭᠤᠷᠬᠠᠢ ᠵᠢᠨ ᠭᠠᠷᠤᠯᠲᠠ᠂ ᠬᠠᠷ᠎ᠠ ᠲᠡᠮᠦᠷᠯᠢᠭ᠎ᠤᠨ ᠠᠭᠤᠷᠬᠠᠢ ᠵᠢᠨ ᠭᠠᠷᠤᠯᠲᠠ᠂ ᠲᠡᠮᠦᠷᠯᠢᠭ᠎ᠤᠨ ᠪᠤᠰᠤ ᠠᠭᠤᠷᠬᠠᠢ ᠵᠢᠨ ᠭᠠᠷᠤᠯᠲᠠ ᠵᠡᠷᠭᠡ ᠵᠢ ᠬᠠᠮᠤᠷᠤᠨ᠂ ᠴᠢᠬᠤᠯᠠ ᠪᠦᠬᠦᠢ ᠬᠦᠳᠡᠷ᠎ᠤᠨ ᠵᠦᠢ᠍ᠯ᠎ᠤᠨ 《ᠭᠤᠷᠪᠠᠨ ᠨᠣᠷᠮ᠎ᠠ》 ᠵᠢᠨ ᠭᠦᠢ᠍ᠴᠡᠳᠬᠡᠬᠦ ᠲᠣᠭ᠎ᠠ ᠵᠢᠨ ᠰᠢᠰᠲᠸᠮᠵᠢ ᠵᠢ ᠦᠨᠳᠦᠰᠦᠨ᠎ᠳᠡᠭᠡᠨ ᠪᠣᠢ ᠪᠣᠯᠭ᠋ᠠᠪᠠ᠃ ᠠᠭᠤᠷᠬᠠᠢ ᠵᠢᠨ ᠭᠠᠷᠤᠯᠲᠠ ᠵᠢᠨ 《ᠭᠤᠷᠪᠠᠨ ᠨᠣᠷᠮ᠎ᠠ》 ᠵᠢᠨ ᠭᠦᠢ᠍ᠴᠡᠳᠬᠡᠬᠦ ᠲᠣᠭ᠎ᠠ ᠵᠢᠨ ᠱᠠᠭ᠋ᠠᠷᠳᠠᠯᠭ᠎ᠠ ᠪᠣᠯ ᠠᠭᠤᠷᠬᠠᠢ ᠵᠢᠨ ᠠᠵᠤ ᠠᠬᠤᠢ᠌ᠯᠠᠯ᠎ᠤᠨ ᠠᠭᠤᠷᠬᠠᠢ ᠵᠢᠨ ᠭᠠᠷᠤᠯᠲᠠ ᠵᠢ ᠨᠡᠭᠡᠭᠡᠵᠦ ᠠᠰᠢᠭᠯᠠᠬᠤ 《ᠬᠠᠮᠣᠭ᠎ᠤᠨ ᠳᠣᠣᠷ᠎ᠠ ᠱᠠᠭ᠋ᠠᠷᠳᠠᠯᠭ᠎ᠠ》 ᠪᠠ ᠠᠷᠪᠢᠯᠠᠬᠤ ᠬᠢᠭᠡᠳ ᠶᠡᠷᠦᠩᠭᠡᠢ᠌ᠯᠡᠨ ᠠᠰᠢᠭᠯᠠᠬᠤ ᠵᠢᠨ 《ᠤᠯᠠᠭ᠋ᠠᠨ ᠱᠤᠭᠤᠮ》 ᠪᠣᠯᠬᠤ ᠪᠦᠭᠡᠳ ᠲᠡᠭᠦᠨ᠎ᠢ ᠠᠭᠤᠷᠬᠠᠢ ᠵᠢᠨ ᠠᠵᠤ ᠠᠬᠤᠢ᠌ᠯᠠᠯ᠎ᠤᠨ ᠠᠭᠤᠷᠬᠠᠢ ᠵᠢᠨ ᠭᠠᠷᠤᠯᠲᠠ ᠵᠢ ᠨᠡᠭᠡᠭᠡᠵᠦ ᠠᠰᠢᠭᠯᠠᠬᠤ ᠲᠦᠷᠦᠯ ᠪᠠ ᠠᠭᠤᠷᠬᠠᠢ ᠵᠢᠷᠤᠭᠯᠠᠨ ᠲᠦᠯᠦᠪᠯᠡᠬᠦ ᠦᠨᠳᠦᠰᠦᠯᠡᠯ ᠪᠣᠯᠭ᠋ᠠᠭᠰᠠᠨ ᠶᠤᠮ᠃ ᠰᠢᠨ᠎ᠡ᠎ᠪᠠᠷ ᠪᠠᠢ᠌ᠭᠤᠯᠬᠤ ᠪᠤᠶᠤ ᠦᠭᠡᠷᠡᠴᠢᠯᠡᠵᠦ ᠦᠷᠭᠡᠳᠬᠡᠨ ᠪᠠᠢ᠌ᠭᠤᠯᠬᠤ ᠠᠭᠤᠷᠬᠠᠢ ᠵᠢᠨ ᠠᠵᠤ ᠠᠬᠤᠢ᠌ᠯᠠᠯ᠎ᠤᠳ 《ᠭᠤᠷᠪᠠᠨ ᠨᠣᠷᠮ᠎ᠠ》 ᠵᠢᠨ ᠭᠦᠢ᠍ᠴᠡᠳᠬᠡᠬᠦ ᠲᠣᠭ᠎ᠠ ᠵᠢ ᠵᠣᠬᠢᠴᠠᠩᠭᠤᠢ ᠭᠦᠢ᠍ᠴᠡᠳᠬᠡᠬᠦ ᠲᠣᠭ᠎ᠠ ᠵᠢᠨ ᠱᠠᠭ᠋ᠠᠷᠳᠠᠯᠭ᠎ᠠ᠎ᠳᠤ ᠬᠦᠷᠦᠭᠦᠯᠵᠦ᠂ ᠦᠢ᠍ᠯᠡᠳᠪᠦᠷᠢᠯᠡᠵᠦ ᠪᠠᠢ᠌ᠭ᠎ᠠ ᠠᠭᠤᠷᠬᠠᠢᠨᠤᠭᠤᠳ ᠭᠦᠢ᠍ᠴᠡᠳᠬᠡᠬᠦ ᠲᠣᠭ᠎ᠠ ᠵᠢ ᠨᠡᠢ᠌ᠲᠡᠯᠡᠭᠰᠡᠨ ᠡᠳᠦᠷ᠎ᠠᠴᠠ ᠬᠣᠢ᠌ᠰᠢᠬᠢ ᠬᠣᠶᠠᠷ ᠵᠢᠯ᠎ᠤᠨ ᠳᠣᠲᠤᠷ᠎ᠠ ᠲᠣᠭᠲᠠᠭ᠋ᠠᠭᠰᠠᠨ ᠭᠦᠢ᠍ᠴᠡᠳᠬᠡᠬᠦ ᠲᠣᠭ᠎ᠠ ᠵᠢᠨ ᠱᠠᠭ᠋ᠠᠷᠳᠠᠯᠭ᠎ᠠ᠎ᠳᠤ ᠬᠦᠷᠦᠭᠦᠯᠦᠭᠰᠡᠨ ᠪᠠᠢ᠌ᠬᠤ ᠬᠡᠷᠡᠭᠲᠡᠢ᠃ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠳ ᠡᠬᠢ ᠡᠭᠦᠰᠦᠯ᠎ᠠᠴᠠ᠎ᠨᠢ ᠬᠠᠮᠠᠭ᠋ᠠᠯᠠᠬᠤ᠂ ᠶᠠᠪᠤᠴᠠ᠎ᠳᠤ᠎ᠨᠢ ᠬᠢᠨᠠᠨ ᠬᠠᠮᠢᠶᠠᠷᠬᠤ᠂ ᠦᠷ᠎ᠡ ᠳ᠋ᠦᠩ᠎ᠢ ᠴᠢᠩᠭ᠎ᠠ ᠡᠵᠡᠮᠳᠡᠬᠦ᠎ᠪᠠᠷ ᠳᠠᠮᠵᠢᠭᠤᠯᠤᠨ ᠪᠦᠬᠦ ᠴᠣᠪᠤᠷᠠᠯ᠎ᠳᠤᠨᠢ ᠬᠠᠮᠢᠶᠠᠷᠤᠨ᠎ᠠ᠃ ᠭᠦᠢ᠍ᠴᠡᠳᠬᠡᠬᠦ ᠲᠣᠭ᠎ᠠ ᠵᠢᠨ ᠦᠨᠡᠯᠡᠨ ᠵᠢᠱ᠌ᠢᠬᠦ ᠠᠵᠢᠯ ᠦᠷᠨᠢᠭᠦᠯᠵᠦ᠂ ᠭᠦᠢ᠍ᠴᠡᠳᠬᠡᠬᠦ ᠲᠣᠭ᠎ᠠ᠎ᠪᠠᠷ ᠰᠢᠯᠭ᠋ᠠᠨ ᠬᠢᠨᠠᠬᠤ ᠵᠢ ᠴᠢᠩᠭ᠋ᠠᠳᠬᠠᠨ᠂ ᠠᠭᠤᠷᠬᠠᠢ ᠵᠢᠨ ᠠᠵᠤ ᠠᠬᠤᠢ᠌ᠯᠠᠯ᠎ᠤᠨ ᠠᠭᠤᠷᠬᠠᠢ ᠵᠢᠨ ᠭᠠᠷᠤᠯᠲᠠ ᠵᠢᠨ 《ᠭᠣᠷᠪᠠᠨ ᠨᠣᠷᠮ᠎ᠠ》 ᠵᠢᠨ ᠬᠢᠷᠢ ᠬᠡᠮᠵᠢᠶ᠎ᠡ ᠵᠢ ᠳᠡᠭᠡᠭᠰᠢᠯᠡᠬᠦᠯᠬᠦ ᠵᠢ ᠬᠦᠲᠦᠯᠦᠨ ᠵᠢᠯᠣᠭᠣᠳᠬᠣ ᠵᠢᠨ ᠬᠠᠮᠲᠤ ᠠᠬᠢᠭᠤᠯᠤᠨ᠎ᠠ᠃ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ 《ᠭᠣᠷᠪᠠᠨ ᠨᠣᠷᠮ᠎ᠠ》 ᠵᠢᠨ ᠭᠦᠢ᠍ᠴᠡᠳᠬᠡᠬᠦ ᠲᠣᠭ᠎ᠠ ᠵᠢᠨ ᠰᠢᠰᠲᠸᠮᠵᠢ ᠵᠢ ᠪᠠᠢ᠌ᠭᠤᠯᠤᠭᠰᠠᠨ ᠶᠠᠪᠤᠳᠠᠯ᠎ᠨᠢ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠵᠦᠢ ᠵᠣᠬᠢᠰᠲᠠᠢ ᠨᠡᠭᠡᠭᠡᠬᠦ ᠪᠠ ᠦᠷ᠎ᠡ ᠪᠦᠲᠦᠮᠵᠢ᠎ᠲᠠᠢ ᠬᠠᠮᠢᠶᠠᠷᠬᠤ ᠵᠢ ᠲᠦᠯᠬᠢᠨ ᠠᠬᠢᠭᠤᠯᠬᠤ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ᠎ᠳᠤ ᠢᠳᠡᠪᠬᠢᠲᠠᠢ ᠨᠦᠯᠦᠭᠡ ᠦᠵᠡᠭᠦᠯᠬᠦ ᠪᠣᠯᠣᠨ᠎ᠠ᠃ ᠳᠠᠷᠠᠭ᠋ᠠᠴᠢ ᠵᠢᠨ ᠠᠯᠬᠤᠮ᠎ᠳᠤ ᠭᠦᠢ᠍ᠴᠡᠳᠬᠡᠬᠦ ᠲᠣᠭ᠎ᠠ ᠵᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠢ ᠮᠥᠷᠳᠡᠨ ᠦᠨᠡᠯᠡᠬᠦ ᠠᠵᠢᠯ᠎ᠢ ᠦᠷᠨᠢᠭᠦᠯᠬᠦ ᠵᠢᠨ ᠬᠠᠮᠲᠤ ᠤᠯᠤᠰ᠎ᠤᠨ ᠪᠠᠷᠢᠮᠵᠢᠶ᠎ᠠ ᠵᠢ ᠪᠣᠢ ᠪᠣᠯᠭ᠋ᠠᠨ᠂ ᠮᠠᠨ᠎ᠤ ᠤᠯᠤᠰ᠎ᠤᠨ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠠᠷᠪᠢᠯᠠᠬᠤ ᠪᠠ ᠶᠡᠷᠦᠩᠭᠡᠢ᠌ᠯᠡᠨ ᠠᠰᠢᠭᠯᠠᠬᠤ ᠬᠢᠷᠢ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
2012 ᠣᠨ᠎ᠳᠤ᠂ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠣ ᠣᠷᠣᠨ᠎ᠤ ᠴᠢᠬᠤᠯᠠ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ 〈ᠭᠤᠷᠪᠠᠨ ᠨᠣᠷᠮ᠎ᠠ〉 ᠵᠢᠨ ᠪᠠᠢ᠌ᠴᠠᠭ᠋ᠠᠯᠲᠠ ᠬᠢᠭᠡᠳ ᠦᠨᠡᠯᠡᠯᠲᠡ》 ᠵᠢᠨ ᠠᠵᠢᠯ᠎ᠢ ᠵᠣᠬᠢᠶᠠᠨ ᠪᠠᠢ᠌ᠭᠤᠯᠤᠨ ᠶᠠᠪᠤᠭᠳᠠᠭᠤᠯᠬᠤ ᠵᠢ ᠬᠠᠷᠢᠭᠤᠴᠠᠪᠠ᠃ ᠪᠦᠬᠦ ᠣᠷᠣᠨ᠎ᠳᠤ ᠨᠡᠢ᠌ᠲᠡ1524 ᠠᠭᠤᠷᠬᠠᠢ ᠵᠢᠨ ᠠᠵᠤ ᠠᠬᠤᠢ᠌ᠯᠠᠯ᠎ᠢ ᠪᠠᠢ᠌ᠴᠠᠭ᠋ᠠᠵᠤ᠂ ᠨᠡᠭᠦᠷᠡᠰᠦ᠂ ᠲᠡᠮᠦᠷ᠂ ᠮᠠᠩᠭ᠋ᠠᠨ᠂ ᠵᠡᠰ᠂ ᠬᠠᠷ᠎ᠠ ᠲᠤᠭᠤᠯᠭ᠎ᠠ᠂ ᠴᠠᠢ᠌ᠷ᠂ ᠨᠢᠺᠸᠯ᠂ ᠸᠣᠯᠹᠷᠠᠮ᠂ ᠴᠠᠭ᠋ᠠᠨ ᠲᠤᠭᠤᠯᠭ᠎ᠠ᠂ ᠮᠣᠯᠢᠪᠳ᠋ᠸᠠ᠂ ᠬᠣᠪᠤᠷ ᠰᠢᠷᠤᠢ᠂ ᠠᠯᠲᠠ᠂ ᠮᠥᠩᠭᠥ᠂ ᠬᠦᠬᠦᠷᠲᠦ ᠲᠡᠮᠦᠷ᠂ ᠪᠠᠯ ᠴᠢᠯᠠᠭᠤ ᠪᠤᠯᠤᠨ ᠡᠩ᠎ᠤᠨ ᠬᠠᠢ᠌ᠯᠤᠭᠤᠷ ᠵᠣᠩᠰᠢ ᠵᠡᠷᠭᠡ 16 ᠬᠦᠳᠡᠷ᠎ᠤᠨ ᠵᠦᠢ᠍ᠯ᠎ᠢ ᠬᠠᠮᠤᠷᠪᠠ᠃ ᠠᠭᠤᠷᠬᠠᠢ ᠨᠢᠭᠡᠪᠦᠷᠢ ᠵᠢᠨ ᠴᠤᠭᠯᠠᠭᠤᠯᠤᠭᠰᠠᠨ ᠲᠣᠭ᠎ᠠ ᠪᠠᠷᠢᠮᠲᠠ᠎ᠨᠢ 70 ᠲᠦᠷᠦᠯ ᠰᠢᠬᠠᠮ ᠪᠠᠢ᠌ᠵᠤ᠂ ᠠᠭᠤᠷᠬᠠᠢ ᠵᠢᠨ ᠠᠵᠤ ᠠᠬᠤᠢ᠌ᠯᠠᠯ᠎ᠤᠨ ᠦᠨᠳᠦᠰᠦᠨ ᠪᠠᠢ᠌ᠳᠠᠯ᠂ ᠠᠭᠤᠷᠬᠠᠢ ᠵᠢᠨ ᠡᠬᠢ ᠪᠠᠶᠠᠯᠢᠭ᠎ᠤᠨ ᠬᠠᠳᠠᠭ᠋ᠠᠯᠠᠭᠳᠠᠴᠠ᠂ ᠠᠭᠤᠷᠬᠠᠢ ᠵᠢᠨ ᠮᠠᠯᠲᠠᠵᠤ ᠰᠢᠯᠢᠵᠦ ᠪᠠᠢ᠌ᠭ᠎ᠠ ᠪᠠᠢ᠌ᠳᠠᠯ᠂ ᠠᠭᠤᠷᠬᠠᠢ ᠵᠢᠨ ᠪᠦᠲᠦᠭᠡᠭᠳᠡᠭᠦᠨ᠎ᠤ ᠪᠤᠷᠤᠯᠠᠭᠤᠯᠭ᠎ᠠ ᠵᠡᠷᠭᠡ ᠠᠵᠤ ᠠᠬᠤᠢ ᠵᠢᠨ ᠭᠦᠢ᠍ᠴᠡᠳᠬᠡᠬᠦ ᠲᠣᠭ᠎ᠠ; ᠬᠠᠮᠲᠤ ᠭᠠᠷᠬᠤ ᠪᠠ ᠳᠠᠭ᠋ᠠᠯᠳᠤᠨ ᠭᠠᠷᠬᠤ᠂ ᠴᠢᠨᠠᠷ ᠳᠡᠰ ᠳᠣᠣᠷ᠎ᠠ᠂ ᠰᠢᠯᠢᠵᠦ ᠪᠣᠯᠪᠠᠰᠤᠷᠠᠭᠤᠯᠬᠤ᠎ᠳᠤ ᠬᠦᠴᠢᠷ᠎ᠲᠠᠢ ᠡᠬᠢ ᠪᠠᠶᠠᠯᠢᠭ᠎ᠢ ᠠᠰᠢᠭᠯᠠᠵᠤ ᠪᠠᠢ᠌ᠭ᠎ᠠ ᠪᠠᠢ᠌ᠳᠠᠯ; ᠦᠯᠡᠳᠡᠭᠳᠡᠯ ᠬᠦᠳᠡᠷ ᠵᠡᠷᠭᠡ ᠠᠭᠤᠷᠬᠠᠢ ᠵᠢᠨ ᠬᠠᠶᠠᠭᠳᠠᠮᠠᠯ ᠡᠳ᠋᠎ᠢ ᠠᠰᠢᠭᠯᠠᠵᠤ ᠪᠠᠢ᠌ᠭ᠎ᠠ ᠪᠠᠢ᠌ᠳᠠᠯ; ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠮᠡᠷᠭᠡᠵᠢᠯ᠎ᠤᠨ ᠪᠠᠢ᠌ᠳᠠᠯ ᠵᠡᠷᠭᠡ ᠠᠭᠤᠯᠭ᠎ᠠ ᠵᠢ ᠪᠠᠭᠲᠠᠭ᠋ᠠᠪᠠ᠃ ᠪᠠᠢ᠌ᠴᠠᠭ᠋ᠠᠬᠤ᠎ᠪᠠᠷ ᠳᠠᠮᠵᠢᠭ᠋ᠠᠳ᠂ ᠮᠠᠨ᠎ᠤ ᠣᠷᠣᠨ᠎ᠤ ᠬᠦᠳᠡᠷ᠎ᠤᠨ ᠵᠦᠢ᠍ᠯ ᠠᠭᠤᠷᠬᠠᠢ ᠵᠢᠨ ᠠᠵᠤ ᠠᠬᠤᠢ᠌ᠯᠠᠯ᠎ᠤᠨ 《ᠭᠣᠷᠪᠠᠨ ᠨᠣᠷᠮ᠎ᠠ》 ᠵᠢᠨ ᠪᠠᠢ᠌ᠳᠠᠯ᠎ᠢ ᠦᠨᠳᠦᠰᠦᠨ᠎ᠳᠤ᠎ᠨᠢ ᠪᠠᠢ᠌ᠴᠠᠭ᠋ᠠᠨ ᠲᠤᠲᠤᠷᠬᠠᠢ᠌ᠯᠠᠵᠤ᠂ ᠨᠡᠯᠢᠶᠡᠳ ᠣᠨᠣᠪᠴᠢᠲᠠᠢ᠂ ᠨᠠᠷᠢᠨ ᠲᠤᠳᠣ ᠪᠤᠳᠠᠳᠠᠢ ᠦᠢ᠍ᠯᠡᠳᠪᠦᠷᠢᠯᠡᠵᠦ ᠪᠠᠢ᠌ᠭ᠎ᠠ ᠲᠣᠭ᠎ᠠ ᠪᠠᠷᠢᠮᠲᠠ ᠵᠢ ᠣᠯᠣᠭᠰᠠᠨ᠎ᠤ ᠬᠠᠮᠲᠤ᠂ ᠤᠯᠤᠰ᠎ᠤᠨ ᠭᠠᠵᠠᠷ ᠰᠢᠷᠣᠢ ᠵᠢᠨ ᠡᠬᠢ ᠪᠠᠶᠠᠯᠢᠭ᠎ᠤᠨ ᠶᠠᠮᠣᠨ᠎ᠤ ᠨᠡᠢ᠌ᠲᠡᠯᠡᠭᠰᠡᠨ 《ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠵᠦᠢ ᠵᠣᠬᠢᠰᠲᠠᠢ ᠨᠡᠭᠡᠭᠡᠵᠦ ᠠᠰᠢᠭᠯᠠᠬᠤ 〈ᠭᠣᠷᠪᠠᠨ ᠨᠣᠷᠮ᠎ᠠ 〉 ᠵᠢᠨ ᠭᠦᠢ᠍ᠴᠡᠳᠬᠡᠬᠦ ᠲᠣᠭ᠎ᠠ ᠵᠢᠨ ᠱᠠᠭ᠋ᠠᠷᠳᠠᠯᠭ᠎ᠠ (ᠲᠤᠷᠰᠢᠨ ᠬᠡᠷᠡᠭᠵᠢᠭᠦᠯᠬᠦ) ᠵᠢᠨ ᠠᠯᠪᠠᠨ ᠵᠠᠷ》᠎ᠲᠠᠢ ᠬᠠᠷᠢᠴᠠᠭᠤᠯᠤᠨ ᠶᠡᠷᠦᠩᠭᠡᠢ᠌ᠯᠡᠭᠰᠡᠨ ᠦᠨᠡᠯᠡᠯᠲᠡ ᠬᠢᠵᠦ᠂ ᠪᠠᠢ᠌ᠴᠠᠭ᠋ᠠᠭᠰᠠᠨ ᠠᠭᠤᠷᠬᠠᠢ ᠵᠢᠨ 《ᠭᠣᠷᠪᠠᠨ ᠨᠣᠷᠮ᠎ᠠ》 ᠵᠢᠨ ᠭᠦᠢ᠍ᠴᠡᠳᠬᠡᠬᠦ ᠲᠣᠭ᠎ᠠ ᠶᠡᠷᠦᠩᠭᠡᠢ᠎ᠳᠡᠭᠡᠨ 《ᠠᠯᠪᠠᠨ ᠵᠠᠷ》᠎ᠤᠨ ᠬᠠᠮᠢᠶ᠎ᠠ ᠪᠦᠬᠦᠢ ᠱᠠᠭ᠋ᠠᠷᠳᠠᠯᠭ᠎ᠠ᠎ᠠᠴᠠ ᠳᠡᠭᠡᠭᠦᠷ ᠪᠠᠢ᠌ᠬᠤ ᠪᠤᠶᠤ ᠨᠡᠢ᠌ᠴᠡᠵᠦ ᠪᠠᠢ᠌ᠪᠠ᠃ ᠵᠢᠱ᠌ᠢᠶᠡᠯᠡᠪᠡᠯ ᠮᠠᠨ᠎ᠤ ᠣᠷᠣᠨ᠎ᠤ ᠵᠠᠳᠠᠭ᠋ᠠᠢ ᠨᠡᠭᠦᠷᠡᠰᠦᠨ ᠠᠭᠣᠷᠬᠠᠢ ᠵᠢᠨ ᠮᠠᠯᠲᠠᠬᠤ ᠣᠷᠣᠨ᠎ᠤ ᠲᠠᠬᠢᠵᠤ ᠮᠠᠯᠲᠠᠬᠤ ᠨᠣᠷᠮ᠎ᠠ ᠳᠤᠮᠳᠠᠴᠢ᠎ᠪᠠᠷ 95.90% ᠪᠠᠢ᠌ᠵᠤ᠂ ᠭᠠᠵᠠᠷ ᠳᠣᠣᠷᠠᠬᠢ ᠨᠡᠭᠦᠷᠡᠰᠦᠨ ᠠᠭᠤᠷᠬᠠᠢ ᠵᠢᠨ ᠮᠠᠯᠲᠠᠬᠤ ᠣᠷᠣᠨ᠎ᠤ ᠲᠠᠬᠢᠵᠤ ᠮᠠᠯᠲᠠᠬᠤ ᠨᠣᠷᠮ᠎ᠠ ᠳᠤᠮᠳᠠᠴᠢ᠎ᠪᠠᠷ 80.99% ᠪᠠᠢ᠌ᠵᠤ᠂ ᠴᠦᠮ 《ᠠᠯᠪᠠᠨ ᠵᠠᠷ》᠎ᠤᠨ ᠭᠦᠢ᠍ᠴᠡᠳᠬᠡᠬᠦ ᠲᠣᠭ᠎ᠠ ᠵᠢᠨ ᠱᠠᠭ᠋ᠠᠷᠳᠠᠯᠭ᠎ᠠ᠎ᠠᠴᠠ ᠳᠡᠭᠡᠭᠦᠷ ᠪᠠᠢ᠌ᠪᠠ᠃ ᠥᠪᠥᠷ ᠮᠣᠩᠭᠣᠯ᠎ᠤᠨ ᠳ᠋ᠦᠩᠨᠡᠭᠰᠡᠨ ᠮᠡᠳᠡᠭᠦᠯᠦᠯᠲᠡ᠎ᠨᠢ ᠭᠤᠷᠪᠠᠳᠡᠬᠢ ᠪᠦᠯᠦᠭ ᠮᠤᠵᠢ ᠵᠢᠨ ᠱᠠᠲᠤᠨ᠎ᠤ ᠴᠢᠬᠤᠯᠠ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ 《ᠭᠣᠷᠪᠠᠨ ᠨᠣᠷᠮ᠎ᠠ》 ᠵᠢᠨ ᠪᠠᠢ᠌ᠴᠠᠭ᠋ᠠᠭᠰᠠᠨ ᠦᠨᠡᠯᠡᠯᠲᠡ ᠵᠢᠨ ᠦᠷ᠎ᠡ ᠪᠦᠲᠦᠭᠡᠯ ᠪᠣᠯᠣᠭᠰᠠᠨ᠎ᠤ ᠬᠤᠪᠢ᠎ᠳᠤ ᠶᠠᠮᠣᠨ᠎ᠤ ᠰᠢᠯᠭ᠋ᠠᠨ ᠠᠪᠬᠤ᠎ᠳᠤ ᠣᠷᠣᠯᠴᠠᠨ᠂ ᠲᠤᠰᠬᠠᠢ ᠮᠡᠷᠭᠡᠵᠢᠯᠲᠡᠳ᠎ᠤᠨ ᠬᠤᠷᠠᠯ᠎ᠤᠨ ᠰᠢᠯᠭ᠋ᠠᠨ ᠠᠪᠬᠤ᠎ᠪᠠᠷ ᠳᠠᠮᠵᠢᠭ᠋ᠠᠳ ᠰᠢᠯᠢᠳᠡᠭ ᠵᠶ᠋ᠡᠷ ᠰᠢᠯᠭ᠋ᠠᠷᠠᠭᠤᠯᠤᠭᠳᠠᠵᠤ᠂ ᠪᠦᠬᠦ ᠣᠷᠣᠨ᠎ᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠠᠷᠪᠢᠲᠠᠢ ᠡᠷᠴᠢᠮᠯᠢᠭ ᠠᠰᠢᠭᠯᠠᠬᠤ ᠠᠵᠢᠯ᠎ᠳᠤ ᠴᠢᠬᠤᠯᠠ ᠰᠠᠭᠤᠷᠢ ᠲᠠᠯᠪᠢᠪᠠ᠃
[ᠸᠠᠩ ᠵᠢᠶᠠᠨ ᠮᠢᠨ] (ᠬᠣᠶᠠᠷ) ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠠᠷᠪᠢᠯᠠᠬᠤ ᠪᠠ ᠶᠡᠷᠦᠩᠭᠡᠢ᠌ᠯᠡᠨ ᠠᠰᠢᠭᠯᠠᠬᠤ ᠲᠤᠰᠬᠠᠢ ᠵᠦᠢ᠍ᠯ᠎ᠤᠨ ᠠᠵᠢᠯ ᠦᠷᠨᠢᠭᠦᠯᠪᠡ
2010 ᠣᠨ᠎ᠠᠴᠠ ᠨᠠᠰᠢ᠂ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠤᠨ ᠶᠠᠮᠣᠨ 《ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠠᠷᠪᠢᠯᠠᠬᠤ ᠪᠠ ᠶᠡᠷᠦᠩᠭᠡᠢ᠌ᠯᠡᠨ ᠠᠰᠢᠭᠯᠠᠬᠤ ᠲᠤᠰᠬᠠᠢ ᠵᠦᠢ᠍ᠯ᠎ᠤᠨ ᠠᠵᠢᠯ᠎ᠤᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠵᠤ᠂ 《ᠱᠠᠩᠨᠠᠬᠤ᠎ᠪᠠᠷ ᠲᠤᠰᠠᠯᠠᠬᠤ ᠵᠢ ᠣᠷᠣᠯᠠᠭᠤᠯᠬᠤ》 ᠪᠠ ᠵᠢᠱ᠌ᠢᠶ᠎ᠡ ᠦᠵᠡᠭᠦᠯᠬᠦ ᠢᠨᠵᠧᠨᠧᠷᠢᠩ ᠵᠡᠷᠭᠡ ᠬᠣᠶᠠᠷ ᠵᠦᠢ᠍ᠯ᠎ᠤᠨ ᠠᠷᠭ᠎ᠠ ᠬᠡᠯᠪᠡᠷᠢ ᠵᠢ ᠠᠪᠴᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠶᠡᠷᠦᠩᠬᠡᠢ᠌ᠯᠡᠨ ᠠᠰᠢᠭᠯᠠᠬᠤ ᠵᠢ ᠵᠣᠷᠢᠭᠵᠢᠭᠤᠯᠤᠨ ᠳᠡᠮᠵᠢᠵᠦ᠂ ᠪᠦᠬᠦ ᠤᠯᠤᠰ᠎ᠤᠨ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠠᠷᠪᠢᠯᠠᠬᠤ ᠪᠠ ᠶᠡᠷᠦᠩᠭᠡᠢ᠌ᠯᠡᠨ ᠠᠰᠢᠭᠯᠠᠬᠤ ᠲᠤᠰᠬᠠᠢ ᠵᠦᠢ᠍ᠯ᠎ᠤᠨ ᠬᠠᠮᠢᠶᠠᠷᠤᠯᠲᠠ ᠵᠢᠨ ᠠᠵᠢᠯ᠎ᠢ ᠵᠢᠷᠤᠮᠵᠢᠭᠤᠯᠪᠠ᠃ 2011 ᠣᠨ᠎ᠳᠤ ᠥᠪᠡᠷᠲᠡᠭᠡᠨ ᠵᠠᠰᠠᠬᠣ ᠣᠷᠣᠨ ᠤᠯᠤᠰ᠎ᠤᠨ ᠳᠡᠰ᠎ᠤᠨ ᠠᠷᠪᠢᠯᠠᠬᠤ ᠪᠠ ᠶᠡᠷᠦᠩᠭᠡᠢ᠌ᠯᠡᠨ ᠠᠰᠢᠭᠯᠠᠬᠤ ᠲᠦᠷᠦᠯ ᠵᠦᠢ᠍ᠯ᠎ᠤᠨ 21 ᠵᠦᠢ᠍ᠯ᠎ᠢ ᠣᠯᠵᠤ᠂ ᠠᠷᠪᠢᠯᠠᠬᠤ ᠪᠠ ᠶᠡᠷᠦᠩᠬᠡᠢ᠌ᠯᠡᠨ ᠠᠰᠢᠭᠯᠠᠬᠤ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠲᠦᠷᠦᠯ ᠵᠦᠢ᠍ᠯ᠎ᠤᠨ 4 ᠵᠦᠢ᠍ᠯ᠎ᠢ ᠣᠯᠪᠠ᠃ ᠡᠭᠦᠨ᠎ᠤ ᠬᠠᠮᠲᠤ ᠥᠪᠡᠷᠲᠡᠭᠡᠨ ᠵᠠᠰᠠᠬᠣ ᠣᠷᠣᠨ᠎ᠤ ᠳᠡᠰ᠎ᠤᠨ ᠶᠡᠷᠦᠩᠬᠡᠢ᠌ᠯᠡᠨ ᠠᠰᠢᠭᠯᠠᠬᠤ ᠲᠤᠰᠬᠠᠢ ᠵᠦᠢ᠍ᠯ᠎ᠢ ᠭᠤᠶᠤᠴᠢᠯᠠᠬᠤ ᠠᠵᠢᠯ ᠦᠷᠨᠢᠭᠦᠯᠵᠦ᠂ ᠱᠠᠩᠨᠠᠬᠤ ᠲᠦᠷᠦᠯ ᠵᠦᠢ᠍ᠯ 85᠂ ᠳᠡᠮᠵᠢᠬᠦ ᠪᠡᠯᠡ ᠮᠥᠩᠭᠥ ᠵᠢ 0.8 ᠳ᠋ᠦᠩᠰᠢᠭᠤᠷ ᠲᠥᠬᠥᠷᠢᠭ ᠵᠶ᠋ᠡᠷ ᠲᠣᠭᠲᠠᠭ᠋ᠠᠪᠠ᠃ ᠣᠳᠣᠬᠠᠨ ᠪᠣᠯᠲᠠᠯ᠎ᠠ ᠮᠠᠨ᠎ᠤ ᠣᠷᠣᠨ ᠤ 38 ᠠᠭᠤᠷᠬᠠᠢ ᠵᠢᠨ ᠠᠵᠤ ᠠᠬᠤᠢ᠌ᠯᠠᠯ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠶᠠᠮᠣᠨ᠎ᠳᠤ ᠤᠯᠤᠰ᠎ᠤᠨ ᠳᠡᠰ᠎ᠤᠨ ᠪᠣᠬᠢᠷᠳᠣᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠲᠤᠷᠰᠢᠯᠲᠠ ᠵᠢᠨ ᠴᠢᠭ᠋ ᠵᠶ᠋ᠡᠷ ᠲᠣᠭᠲᠠᠭ᠋ᠠᠭᠳᠠᠵᠤ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠠᠷᠪᠢᠯᠠᠬᠤ ᠪᠠ ᠶᠡᠷᠦᠩᠭᠡᠢ᠌ᠯᠡᠨ ᠠᠰᠢᠭᠯᠠᠬᠤ ᠲᠤᠰᠬᠠᠢ ᠵᠦᠢ᠍ᠯ ᠨᠡᠯᠢᠶᠡᠳ ᠰᠠᠢ᠌ᠨ ᠦᠷ᠎ᠡ ᠠᠰᠢᠭ ᠣᠯᠪᠠ᠃
ᠣᠢ᠌ᠷ᠎ᠡ ᠵᠢᠨ ᠵᠢᠯ᠎ᠤᠳ᠎ᠲᠤ᠂ ᠠᠭᠤᠷᠬᠠᠢ ᠵᠢᠨ ᠠᠵᠤ ᠠᠬᠤᠢ᠌ᠯᠠᠯ᠎ᠤᠳ ᠡᠬᠢ ᠪᠠᠶᠠᠯᠢᠭ᠎ᠢ ᠠᠷᠪᠢᠲᠠᠢ ᠡᠷᠴᠢᠮᠯᠢᠭ ᠠᠰᠢᠭᠯᠠᠬᠤ ᠦᠵᠡᠯ ᠤᠬᠠᠮᠰᠠᠷ ᠵᠶ᠋ᠠᠨ ᠲᠠᠰᠤᠷᠠᠯᠲᠠ ᠦᠭᠡᠢ ᠨᠡᠮᠡᠭᠳᠡᠭᠦᠯᠦᠨ᠂ ᠭᠣᠣᠯ ᠴᠣᠭᠴᠠ ᠵᠢᠨ ᠬᠠᠷᠢᠭᠤᠴᠠᠯᠭ᠎ᠠ ᠵᠢ ᠠᠯᠬᠤᠮ ᠠᠯᠬᠤᠮ ᠵᠶ᠋ᠡᠷ ᠨᠠᠢ᠌ᠳᠠᠪᠤᠷᠢᠵᠢᠭᠤᠯᠤᠭᠰᠠᠨ ᠵᠶ᠋ᠠᠷ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠠᠷᠪᠢᠯᠠᠬᠤ ᠬᠢᠭᠡᠳ ᠶᠡᠷᠦᠩᠭᠡᠢ᠌ᠯᠡᠨ ᠠᠰᠢᠭᠯᠠᠬᠤ ᠶᠠᠪᠤᠳᠠᠯ ᠣᠯᠠᠩᠬᠢ ᠠᠭᠤᠷᠬᠠᠢ ᠵᠢᠨ ᠠᠵᠤ ᠠᠬᠤᠢ᠌ᠯᠠᠯ᠎ᠤᠨ ᠤᠬᠠᠮᠰᠠᠷᠲᠤ ᠠᠵᠢᠯᠯᠠᠭ᠎ᠠ ᠪᠣᠯᠪᠠ᠃ ᠮᠠᠰᠢ ᠣᠯᠠᠨ ᠠᠭᠤᠷᠬᠠᠢ ᠵᠢᠨ ᠠᠵᠤ ᠠᠬᠤᠢ᠌ᠯᠠᠯ ᠪᠡᠯᠡ ᠮᠥᠩᠭᠥ ᠵᠢᠨ ᠣᠷᠣᠭᠤᠯᠤᠯᠲᠠ᠎ᠪᠠᠨ ᠰᠠᠨᠠᠭ᠋ᠠᠴᠢᠯᠠᠭ᠎ᠠ᠎ᠠᠴᠠ᠎ᠪᠠᠨ ᠨᠡᠮᠡᠭᠳᠡᠭᠦᠯᠵᠦ᠂ ᠠᠺᠠᠳᠧᠮᠢᠴᠢ᠂ ᠲᠤᠰᠬᠠᠢ ᠮᠡᠷᠭᠡᠵᠢᠯᠲᠡᠨ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠨᠢᠭᠡᠴᠡ᠎ᠯᠦᠭᠡ ᠵᠢᠨ ᠬᠠᠷᠢᠯᠴᠠᠭ᠎ᠠ ᠬᠢᠭᠡᠳ ᠬᠣᠷᠰᠢᠯᠴᠠᠭ᠎ᠠ᠎ᠪᠠᠨ ᠴᠢᠩᠭ᠋ᠠᠷᠠᠭᠤᠯᠤᠨ᠂ ᠲᠡᠷᠢᠭᠦᠨ᠎ᠤ ᠬᠡᠷᠡᠭᠯᠡᠭᠡᠨ᠎ᠤ ᠮᠡᠷᠭᠡᠵᠢᠯ᠎ᠢ ᠰᠤᠳᠣᠯᠣᠨ ᠨᠡᠭᠡᠭᠡᠬᠦ ᠶᠠᠪᠤᠳᠠᠯ᠎ᠢ ᠴᠢᠩᠭ᠋ᠠᠳᠬᠠᠪᠠ᠃ ᠵᠠᠷᠢᠮ ᠠᠵᠤ ᠠᠬᠤᠢ᠌ᠯᠠᠯ᠎ᠤᠳ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠠᠷᠪᠢᠯᠠᠭᠰᠠᠨ ᠪᠠ ᠶᠡᠷᠦᠩᠭᠡᠢ᠌ᠯᠡᠨ ᠠᠰᠢᠭᠯᠠᠭᠰᠠᠨᠢ ᠱᠠᠩᠨᠠᠵᠤ ᠰᠢᠳᠭᠡᠬᠦ ᠳᠦᠷᠢᠮ᠎ᠢ ᠬᠡᠷᠡᠭᠵᠢᠭᠦᠯᠦᠨ᠂ ᠤᠯᠤᠰ ᠪᠤᠶᠤ ᠠᠵᠢᠯ ᠲᠥᠷᠥᠯᠤᠨᠬᠢᠠᠴᠠ ᠦᠨᠳᠦᠷ ᠠᠵᠤ ᠠᠬᠤᠢ᠌ᠯᠠᠯ᠎ᠤᠨ ᠪᠠᠷᠢᠮᠵᠢᠶ᠎ᠠ ᠲᠣᠭᠲᠠᠭ᠋ᠠᠵᠤ᠂ ᠠᠭᠤᠷᠬᠠᠢ ᠵᠢᠨ ᠭᠠᠷᠤᠯᠲᠠ ᠵᠢᠨ ᠠᠵᠤ ᠠᠬᠤᠢ᠌ᠯᠠᠯ᠎ᠤᠨ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠵᠦᠢ ᠵᠣᠬᠢᠰᠲᠠᠢ ᠨᠡᠭᠡᠭᠡᠨ ᠠᠰᠢᠭᠯᠠᠬᠤ ᠭᠣᠣᠯ ᠴᠣᠭᠴᠠ ᠵᠢᠨ ᠬᠠᠷᠢᠭᠤᠴᠠᠯᠭ᠎ᠠ ᠶᠠᠭ ᠠᠯᠬᠤᠮ ᠠᠯᠬᠤᠮ ᠵᠶ᠋ᠠᠷ ᠨᠠᠢ᠌ᠳᠠᠪᠤᠷᠢᠵᠢᠭᠤᠯᠤᠭᠳᠠᠭᠰᠠᠨ ᠪᠠ ᠲᠠᠰᠤᠷᠠᠯᠲᠠ ᠦᠭᠡᠢ ᠴᠢᠩᠭ᠋ᠠᠳᠬᠠᠭᠳᠠᠪᠠ᠃
[ᠸᠠᠩ ᠵᠢᠶᠠᠨ ᠮᠢᠨ] (ᠭᠤᠷᠪᠠ) 《3+2》᠎ᠤᠨ ᠵᠠᠭᠪᠤᠷ᠎ᠤᠨ ᠲᠣᠭᠤᠷᠢᠨ᠎ᠳᠤ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ ᠵᠢ ᠲᠥᠯᠬᠢᠨ ᠠᠬᠢᠭᠤᠯᠪᠠ
《3+2》᠎ᠤᠨ ᠵᠠᠭᠪᠤᠷ ᠭᠡᠳᠡᠭ᠎ᠨᠢ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠨ᠂ ᠡᠬᠢ ᠪᠠᠶᠠᠯᠢᠭ᠎ᠤᠨ 《ᠮᠠᠯᠲᠠᠬᠤ ᠰᠢᠯᠢᠬᠦ ᠪᠣᠯᠪᠠᠰᠣᠷᠠᠭᠤᠯᠬᠤ ᠡᠳ᠋ᠰᠢᠭᠦᠯᠬᠦ》 ᠪᠠ ᠨᠢᠭᠡ ᠴᠣᠭᠴᠠᠵᠢᠭᠤᠯᠤᠨ ᠨᠡᠭᠡᠭᠡᠬᠦ ᠴᠢᠳᠠᠪᠤᠷᠢ᠎ᠲᠠᠢ ᠠᠵᠤ ᠠᠬᠤᠢ᠌ᠯᠠᠯ ᠲᠡᠰᠢ ᠲᠥᠪᠯᠡᠷᠡᠬᠦ ᠵᠢ ᠠᠬᠢᠭᠤᠯᠵᠤ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠲᠥᠪᠯᠡᠷᠡᠯ᠎ᠤᠨ ᠬᠡᠮᠵᠢᠶ᠎ᠡ ᠵᠢ ᠳᠡᠭᠡᠭᠰᠢᠯᠡᠭᠦᠯᠬᠦ ᠵᠢ ᠵᠢᠭ᠋ᠠᠵᠤ ᠪᠣᠢ᠃ ᠲᠣᠰᠬᠠᠢ᠌ᠵᠢᠭᠰᠠᠨ ᠰᠡᠭᠦᠯᠴᠢ ᠵᠢᠨ ᠭᠦᠨᠵᠡᠭᠡᠢ ᠡᠳ᠋ᠰᠢᠭᠦᠯᠬᠦ ᠠᠵᠤ ᠠᠬᠤᠢ᠌ᠯᠠᠯ᠎ᠢ ᠣᠷᠣᠭᠤᠯᠵᠤ ᠢᠷᠡᠨ ᠡᠬᠢ ᠪᠠᠶᠠᠯᠢᠭ᠎ᠢ ᠤᠯᠠᠷᠢᠭᠤᠯᠬᠤ ᠵᠢᠨ ᠰᠡᠭᠦᠯᠴᠢ ᠵᠢᠨ ᠡᠳ᠋ᠰᠢᠭᠦᠯᠬᠦ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠤᠯᠤᠨ᠂ ᠠᠵᠤ ᠦᠢ᠍ᠯᠡᠰ᠎ᠤᠨ ᠲᠥᠪᠯᠡᠷᠡᠯ᠎ᠤᠨ ᠬᠡᠮᠵᠢᠶ᠎ᠡ ᠵᠢ ᠳᠡᠭᠡᠭᠰᠢᠯᠡᠭᠦᠯᠦᠨ᠂ ᠬᠡᠪᠴᠢᠶᠡᠵᠢᠯ᠎ᠤᠨ ᠳᠠᠪᠠᠭᠤᠯᠢᠭ᠎ᠢ ᠪᠠᠳᠠᠷᠠᠭᠤᠯᠪᠠ᠃
1. ᠨᠡᠭᠦᠷᠡᠰᠦᠨ᠎ᠤ ᠡᠬᠢ ᠪᠠᠶᠠᠯᠢᠭ᠎ᠤᠨ ᠭᠡᠭᠡᠨᠴᠢᠷ ᠵᠶ᠋ᠡᠷ ᠬᠤᠪᠢᠯᠭ᠋ᠠᠵᠤ᠂ ᠣᠷᠴᠢᠨ ᠲᠣᠭᠤᠷᠢᠨ᠎ᠢ ᠬᠠᠮᠠᠭ᠋ᠠᠯᠠᠬᠤ ᠠᠵᠤ ᠠᠬᠤᠢ᠎ᠳᠤ ᠬᠦᠴᠦ ᠨᠡᠮᠡᠷᠢᠯᠡᠪᠡ
ᠣᠢ᠌ᠷ᠎ᠠ ᠵᠢᠨ ᠵᠢᠯ᠎ᠤᠳ᠎ᠤᠨ ᠪᠦᠬᠦ ᠳᠡᠯᠡᠭᠡᠢ ᠵᠢᠨ ᠠᠭᠤᠷᠬᠠᠢ ᠵᠢᠨ ᠦᠢ᠍ᠯᠡᠰ ᠠᠵᠤ ᠠᠬᠤᠢ ᠵᠢᠨ ᠳᠣᠷᠣᠢ᠌ᠳᠠᠯ ᠪᠠ ᠪᠦᠲᠦᠴᠡ ᠵᠢᠨ ᠴᠢᠨᠠᠷᠲᠠᠢ ᠲᠣᠬᠢᠷᠠᠭᠤᠯᠤᠯᠲᠠ᠎ᠳᠤ ᠨᠦᠯᠦᠭᠡᠯᠡᠭᠳᠡᠭᠰᠡᠨ᠂ ᠣᠯᠠᠨ ᠤᠯᠤᠰ᠎ᠤᠨ ᠲᠥᠭᠥᠭᠡᠢ ᠴᠢᠯᠠᠭᠤᠨ ᠲᠤᠰᠤᠨ᠎ᠤ ᠦᠨ᠎ᠡ ᠬᠠᠩᠰᠢ ᠶᠡᠬᠡ ᠬᠡᠮᠵᠢᠶ᠎ᠡ᠎ᠪᠠᠷ ᠪᠠᠭᠤᠷᠠᠭᠰᠠᠨ᠂ ᠴᠢᠬᠤᠯᠠ ᠠᠭᠤᠷᠬᠠᠢ ᠵᠢᠨ ᠪᠦᠲᠦᠭᠡᠭᠳᠡᠭᠦᠨ᠎ᠤ ᠬᠥᠭᠵᠢᠯᠲᠡ ᠵᠢᠨ ᠪᠠᠢ᠌ᠳᠠᠯ ᠢᠯᠭ᠋ᠠᠷᠠᠭᠰᠠᠨ ᠪᠠᠢ᠌ᠳᠠᠯ᠎ᠳᠤ ᠬᠠᠨᠳᠤᠭᠤᠯᠤᠨ᠂ ᠥᠪᠡᠷᠲᠡᠭᠡᠨ ᠵᠠᠰᠠᠬᠣ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠴᠢᠬᠤᠯᠠᠴᠢᠯᠠᠭᠰᠠᠨ ᠶᠣᠰᠤᠭ᠋ᠠᠷ ᠳᠦᠬᠦᠮ ᠵᠶ᠋ᠡᠷ ᠨᠠᠭᠦᠷᠡᠰᠦ ᠮᠠᠯᠲᠠᠵᠤ ᠨᠠᠭᠦᠷᠡᠰᠦ ᠬᠤᠳᠠᠯᠳᠤᠬᠤ᠂ ᠰᠢᠷᠤᠢ ᠮᠠᠯᠲᠠᠵᠤ ᠰᠢᠷᠤᠢ ᠬᠤᠳᠠᠯᠳᠤᠬᠤ ᠤᠯᠠᠮᠵᠢᠯᠠᠯᠲᠤ ᠬᠥᠭᠵᠢᠯᠲᠡ ᠵᠢᠨ ᠠᠷᠭ᠎ᠠ ᠮᠠᠶᠢᠭᠠᠴᠠᠪᠠᠨ ᠭᠠᠷᠴᠣ᠂ 《ᠭᠠᠭᠴᠠ᠎ᠬᠦ ᠨᠡᠭᠦᠷᠡᠰᠦᠨ᠎ᠤ ᠠᠵᠤ ᠦᠢ᠍ᠯᠡᠰ᠎ᠢ ᠴᠢᠬᠤᠯᠠᠴᠢᠯᠠᠵᠤ ᠲᠣᠮᠣ ᠪᠣᠯᠭ᠋ᠠᠵᠤ》 ᠪᠠᠢ᠌ᠭᠰᠠᠨ᠎ᠠᠴᠠ᠎ᠪᠠᠨ ᠠᠵᠤ ᠦᠢ᠍ᠯᠡᠰ᠎ᠤᠨ ᠬᠤᠪᠢᠰᠬᠠᠯ ᠲᠡᠰᠢ ᠵᠠᠮᠨᠠᠬᠤ ᠬᠡᠷᠡᠭᠲᠡᠢ ᠪᠣᠯᠪᠠ᠃ ᠨᠡᠭᠦᠷᠡᠰᠦ᠎ᠪᠠᠷ ᠲᠣᠰᠣ ᠬᠡᠢ ᠬᠢᠬᠦ ᠵᠡᠷᠭᠡ ᠨᠢᠭᠡ ᠪᠦᠯᠦᠭ ᠰᠢᠨ᠎ᠡ ᠬᠡᠯᠪᠡᠷᠢ ᠵᠢᠨ ᠨᠡᠭᠦᠷᠡᠰᠦᠨ᠎ᠤ ᠬᠢᠮᠢ ᠵᠢᠨ ᠠᠵᠤ ᠦᠢ᠍ᠯᠡᠳᠪᠦᠷᠢ ᠵᠢᠨ ᠲᠥᠷᠥᠯ ᠵᠦᠢ᠍ᠯ ᠰᠠᠭᠤᠷᠢᠰᠢᠵᠤ᠂ ᠥᠪᠡᠷᠲᠡᠭᠡᠨ ᠵᠠᠰᠠᠬᠣ ᠣᠷᠣᠨ᠎ᠤ ᠨᠡᠭᠦᠷᠡᠰᠦᠨ᠎ᠤ ᠦᠢ᠍ᠯᠡᠰ᠎ᠤᠨ ᠬᠥᠭᠵᠢᠯᠲᠡ᠎ᠳᠤ ᠪᠠᠲᠤ ᠪᠡᠬᠢ ᠰᠠᠭᠤᠷᠢ ᠲᠠᠯᠪᠢᠪᠠ᠃ ᠥᠪᠥᠷ ᠮᠣᠩᠭᠣᠯ᠎ᠤᠨ ᠬᠤᠢ ᠨᠸᠩ ᠨᠡᠭᠦᠷᠡᠰᠦ ᠴᠠᠬᠢᠯᠭ᠋ᠠᠨ᠎ᠤ ᠪᠦᠯᠦᠭᠯᠡᠯ᠎ᠤᠨ ᠵᠢᠯ᠎ᠤᠨ 4 ᠳ᠋ᠦᠩᠰᠢᠭᠤᠷ ᠪᠣᠰᠣᠭ᠎ᠠ ᠳᠥᠷᠪᠡᠯᠵᠢᠨ ᠮᠸᠲᠷ ᠨᠠᠭᠦᠷᠡᠰᠦ᠎ᠪᠠᠷ ᠪᠠᠢ᠌ᠭ᠋ᠠᠯᠢ ᠵᠢᠨ ᠰᠢᠲᠠᠭᠴᠢ ᠬᠡᠢ ᠬᠢᠭᠡᠳ ᠪᠠᠢ᠌ᠭ᠋ᠠᠯᠢ ᠵᠢᠨ ᠰᠢᠲᠠᠭᠴᠢ ᠬᠡᠢ ᠵᠢᠨ ᠰᠢᠩᠭᠡᠵᠢᠮᠡᠯ ᠬᠢᠬᠦ ᠲᠥᠷᠥᠯ ᠵᠦᠢ᠍ᠯ ᠨᠢᠭᠡᠨᠲᠡ ᠠᠰᠢᠭᠯᠠᠯᠲᠠ᠎ᠳᠤ ᠣᠷᠣᠭᠰᠠᠨ᠎ᠤ ᠬᠠᠮᠲᠤ ᠠᠶᠤᠯ ᠦᠭᠡᠢ ᠠᠵᠢᠯᠯᠠᠵᠤ ᠪᠠᠢ᠌ᠨ᠎ᠠ; ᠱᠸᠨ ᠬᠤᠸᠠ ᠵᠢᠨ ᠨᠡᠭᠦᠷᠡᠰᠦ ᠵᠢ ᠰᠢᠭᠤᠳ ᠰᠢᠩᠭᠡᠵᠢᠮᠡᠯ ᠪᠣᠯᠭ᠋ᠠᠬᠤ ᠲᠥᠷᠥᠯ ᠵᠦᠢ᠍ᠯ᠎ᠤᠨ ᠨᠢᠭᠡᠳᠦᠭᠡᠷ ᠱᠤᠭᠤᠮ ᠰᠠᠢ᠌ᠨ ᠰᠠᠢ᠌ᠬᠠᠨ ᠠᠵᠢᠯᠯᠠᠵᠤ ᠪᠠᠢ᠌ᠨ᠎ᠠ; ᠢ᠎ᠲᠠᠢ ᠵᠢᠨ ᠨᠡᠭᠦᠷᠡᠰᠦ᠎ᠪᠠᠷ ᠲᠣᠰᠣ ᠬᠢᠬᠦ ᠵᠢᠯ᠎ᠳᠤ 16 ᠲᠦᠮᠡᠨ ᠲᠤᠨ᠎ᠤ ᠭᠠᠷᠤᠯᠲᠠ᠎ᠲᠠᠢ ᠲᠥᠷᠥᠯ ᠵᠦᠢ᠍ᠯ ᠨᠢᠭᠡᠨᠲᠡ ᠲᠥᠬᠥᠷᠡᠩ ᠠᠴᠢᠶ᠎ᠠ᠎ᠪᠠᠷ ᠲᠣᠭᠲᠠᠭᠤᠨ ᠠᠵᠢᠯᠯᠠᠬᠤ ᠵᠢ ᠪᠡᠶᠡᠯᠡᠭᠦᠯᠪᠡ; ᠳ᠋ᠠ ᠲᠠᠩ᠎ᠤᠨ ᠬᠡᠰᠢᠭᠲᠡᠨ ᠬᠤᠰᠢᠭᠤᠨ᠎ᠤ ᠨᠡᠭᠦᠷᠡᠰᠦ᠎ᠪᠠᠷ ᠪᠠᠢ᠌ᠭ᠋ᠠᠯᠢ ᠵᠢᠨ ᠰᠢᠲᠠᠭᠴᠢ ᠬᠡᠢ ᠬᠢᠬᠦ 40 ᠳ᠋ᠦᠩᠰᠢᠭᠤᠷ ᠪᠣᠰᠣᠭ᠎ᠠ ᠳᠥᠷᠪᠡᠯᠵᠢᠨ ᠮᠸᠲᠷ᠎ᠤᠨ ᠲᠥᠷᠥᠯ ᠵᠦᠢ᠍ᠯ᠎ᠤᠨ ᠨᠢᠭᠡᠳᠦᠭᠡᠷ ᠬᠤᠭᠤᠴᠠᠭ᠋ᠠᠨ᠎ᠤ ᠪᠠᠷᠢᠯᠭ᠎ᠠ ᠨᠢᠭᠡᠨᠲᠡ ᠠᠮᠵᠢᠯᠲᠠ᠎ᠲᠠᠢ ᠠᠵᠢᠯᠯᠠᠵᠤ᠂ ᠡᠳᠦᠷ ᠪᠦᠷᠢ ᠪᠡᠭᠡᠵᠢᠩ ᠲᠡᠰᠢ ᠪᠠᠢ᠌ᠭ᠋ᠠᠯᠢ ᠵᠢᠨ ᠰᠢᠲᠠᠭᠴᠢ ᠬᠡᠢ ᠵᠢ 260 ᠲᠦᠮᠡᠨ ᠪᠣᠰᠣᠭ᠎ᠠ ᠳᠥᠷᠪᠡᠯᠵᠢᠨ ᠮᠸᠲᠷ ᠬᠠᠩᠭ᠋ᠠᠵᠤ᠂ ᠪᠡᠭᠡᠵᠢᠩ ᠬᠣᠲᠠ ᠵᠢᠨ ᠰᠠᠭᠤᠭ᠋ᠠᠯᠢ ᠠᠷᠠᠳ᠎ᠤᠨ ᠲᠣᠭᠣᠭ᠋ᠠᠨ ᠭᠡᠷ᠎ᠤᠨ 3 ᠳᠥᠷᠪᠡᠯᠵᠢᠨ ᠮᠸᠲᠷ ᠰᠢᠲᠠᠭᠴᠢ ᠬᠡᠢ ᠪᠦᠷᠢ ᠵᠢᠨ 1 ᠳᠥᠷᠪᠡᠯᠵᠢᠨ ᠮᠸᠲᠷ᠎ᠨᠢ ᠤᠯᠠᠭ᠋ᠠᠨᠬᠠᠳᠠ᠎ᠠᠴᠠ ᠢᠷᠡᠯᠲᠡᠢ᠃
2. ᠨᠤᠨᠲᠠᠭ ᠨᠡᠭᠦᠷᠡᠰᠦᠨ᠎ᠤ ᠦᠨᠡᠰᠦᠨ᠎ᠠᠴᠠ ᠢᠰᠦᠯᠳᠦᠭᠰᠡᠨ ᠬᠥᠩᠭᠡᠨ ᠴᠠᠭ᠋ᠠᠨ ᠪᠣᠯᠪᠠᠰᠤᠷᠠᠭᠤᠯᠤᠨ ᠠᠪᠴᠤ᠂ ᠶᠡᠷᠦᠩᠬᠡᠢ᠌ᠯᠡᠨ ᠠᠰᠢᠭᠯᠠᠬᠤ ᠦᠷ᠎ᠡ ᠠᠰᠢᠭ᠎ᠢ ᠳᠣᠪᠣᠢ᠌ᠯᠭ᠋ᠠᠪᠠ
ᠣᠷᠳᠣᠰ ᠲᠣᠨ ᠬᠥᠩᠭᠡᠨ ᠴᠠᠭ᠋ᠠᠨ᠎ᠤ ᠠᠭᠤᠯᠤᠭᠳᠠᠴᠠ᠎ᠪᠠᠷ ᠥᠨᠳᠥᠷ ᠨᠡᠭᠦᠷᠡᠰᠦᠨ᠎ᠤ ᠬᠠᠳᠠᠭ᠋ᠠᠯᠠᠭᠳᠠᠴᠠ ᠵᠢ 297.2 ᠳ᠋ᠦᠩᠰᠢᠭᠤᠷ ᠬᠠᠢ᠌ᠨ ᠢᠯᠡᠷᠡᠭᠦᠯᠵᠦ᠂ ᠬᠥᠨᠭᠭᠡᠨ ᠴᠠᠭ᠋ᠠᠨ᠎ᠲᠠᠢ ᠰᠢᠷᠤᠢ ᠵᠢᠨ ᠬᠥᠳᠡᠷ ᠵᠶ᠋ᠠᠷ ᠨᠤᠭᠤᠯᠵᠤ ᠪᠣᠳᠣᠪᠠᠯ ᠪᠠᠷᠤᠭ 82 ᠳ᠋ᠦᠩᠰᠢᠭᠤᠷ ᠲᠣᠨ ᠪᠠᠢ᠌ᠵᠤ᠂ ᠡᠨᠡ᠎ᠨᠢ ᠪᠥᠬᠦ ᠤᠯᠤᠰ᠎ᠤᠨ ᠨᠢᠭᠡᠨᠲᠡ ᠬᠠᠢ᠌ᠨ ᠢᠯᠡᠷᠡᠭᠦᠯᠦᠭᠰᠡᠨ ᠬᠥᠩᠭᠡᠨ ᠴᠠᠭ᠋ᠠᠨ᠎ᠲᠠᠢ ᠰᠢᠷᠤᠢ ᠵᠢᠨ ᠬᠥᠲᠡᠷ᠎ᠤᠨ ᠶᠡᠷᠦᠩᠬᠡᠢ ᠬᠠᠳᠠᠭ᠋ᠠᠯᠠᠭᠳᠠᠴᠠ (2013 ᠣᠨ᠎ᠤ ᠵᠢᠯ᠎ᠤᠨ ᠡᠴᠦᠰ᠎ᠤᠨ 40.234 ᠳ᠋ᠦᠩᠰᠢᠭᠤᠷ ᠲᠣᠨ)᠎ᠠᠴᠠ ᠬᠣᠯᠠ ᠳᠠᠪᠠᠵᠤ᠂ 2012 ᠣᠨ᠎ᠤ ᠢᠰᠦᠯᠳᠦᠭᠰᠡᠨ ᠬᠥᠩᠭᠡᠨ ᠴᠠᠭ᠋ᠠᠨ᠎ᠤ ᠭᠠᠷᠤᠯᠲᠠ 3771.6 ᠲᠥᠮᠡᠨ ᠲᠣᠨ ᠵᠶ᠋ᠠᠷ ᠬᠡᠮᠵᠢᠨ ᠪᠣᠳᠣᠪᠠᠯ᠂ ᠮᠠᠨ᠎ᠤ ᠤᠯᠤᠰ᠎ᠤᠨ ᠬᠥᠩᠭᠡᠨ ᠴᠠᠭ᠋ᠠᠨ᠎ᠤ ᠡᠬᠢ ᠪᠠᠶᠠᠯᠢᠭ᠎ᠤᠨ ᠪᠠᠲᠤᠯᠠᠭ᠎ᠠ ᠵᠢᠨ ᠵᠢᠯ ᠬᠤᠭᠤᠴᠠᠭ᠎ᠠ ᠵᠢ 87 ᠵᠢᠯ ᠶᠡᠬᠡ ᠬᠡᠮᠵᠢᠶ᠎ᠡ᠎ᠪᠠᠷ ᠳᠡᠭᠡᠭᠰᠢᠯᠡᠭᠦᠯᠬᠦ ᠪᠣᠯᠣᠨ᠎ᠠ᠃ ᠨᠤᠨᠲᠠᠭ ᠨᠡᠭᠦᠷᠡᠰᠦᠨ᠎ᠤ ᠦᠨᠡᠰᠦᠨ᠎ᠠᠴᠠ ᠢᠰᠦᠯᠳᠦᠭᠰᠡᠨ ᠬᠥᠩᠭᠡᠨ ᠴᠠᠭ᠋ᠠᠨ᠎ᠢ ᠪᠣᠯᠪᠠᠰᠤᠷᠠᠭᠤᠯᠤᠨ ᠠᠪᠬᠤ ᠶᠠᠪᠤᠳᠠᠯ ᠠᠮᠵᠢᠯᠲᠠ ᠣᠯᠣᠭᠰᠠᠨ᠎ᠨᠢ ᠤᠯᠤᠰ᠎ᠤᠨ ᠲᠣᠲᠣᠭ᠋ᠠᠳᠤ ᠵᠢᠨ ᠬᠥᠩᠭᠡᠨ ᠴᠠᠭ᠋ᠠᠨ᠎ᠤ ᠠᠭᠤᠯᠤᠭᠳᠠᠴᠠ᠎ᠪᠠᠷ ᠥᠨᠳᠥᠷ ᠨᠤᠨᠲᠠᠭ ᠨᠡᠭᠦᠷᠡᠰᠦᠨ᠎ᠤ ᠦᠨᠡᠰᠦ ᠵᠢ ᠶᠡᠷᠦᠩᠬᠡᠢ᠌ᠯᠡᠨ ᠠᠰᠢᠭᠯᠠᠭᠰᠠᠨ ᠦᠯᠢᠭᠡᠷ ᠵᠢᠱ᠌ᠢᠶ᠎ᠡ ᠵᠢ ᠨᠡᠬᠡᠬᠡᠵᠦ᠂ ᠤᠯᠤᠰ᠎ᠤᠨ ᠬᠥᠩᠭᠡᠨ ᠴᠠᠭ᠋ᠠᠨ᠎ᠤ ᠠᠵᠤ ᠦᠢ᠍ᠯᠡᠳᠪᠦᠷᠢ ᠵᠢᠨ ᠡᠬᠢ ᠪᠠᠶᠠᠯᠢᠭ᠎ᠤᠨ ᠠᠮᠤᠷ ᠲᠥᠪᠰᠢᠨ᠎ᠢ ᠪᠠᠲᠤᠯᠠᠨ᠂ ᠡᠬᠢ ᠪᠠᠶᠠᠯᠢᠭ᠎ᠢ ᠶᠡᠷᠦᠩᠬᠡᠢ᠌ᠯᠡᠨ ᠠᠰᠢᠭᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠭᠠᠵᠠᠷ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠢ ᠵᠢ ᠪᠤᠵᠠᠭ᠋ᠠᠢ᠌ᠷᠠᠭᠤᠯᠤᠨ᠂ ᠬᠦᠴᠦᠷᠬᠡᠭᠵᠢᠭᠦᠯᠦᠨ᠂ ᠰᠢᠯᠢᠳᠡᠭᠵᠢᠭᠦᠯᠵᠦ᠂ ᠡᠨ᠋ᠸᠷᠬᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠲᠦᠯᠬᠢᠨ ᠠᠬᠢᠭᠤᠯᠬᠤ᠎ᠳᠤ ᠪᠤᠳᠠᠲᠣ ᠠᠴᠢ ᠬᠣᠯᠪᠤᠭᠳᠠᠯ᠎ᠲᠠᠢ ᠶᠤᠮ᠃ ᠨᠤᠨᠲᠠᠭ ᠨᠡᠭᠦᠷᠡᠰᠦᠨ᠎ᠤ ᠦᠨᠡᠰᠦᠨ᠎ᠠᠴᠠ ᠢᠰᠦᠯᠳᠦᠭᠰᠡᠨ ᠬᠥᠩᠭᠡᠨ ᠴᠠᠭ᠋ᠠᠨ ᠪᠣᠯᠪᠠᠰᠤᠷᠠᠭᠤᠯᠤᠨ ᠠᠪᠬᠤ ᠣᠷᠴᠢᠯ ᠠᠵᠤ ᠠᠬᠤᠢ ᠵᠢᠨ ᠬᠥᠭᠵᠢᠯᠲᠡ᠎ᠨᠢ ᠨᠤᠨᠲᠠᠭ ᠨᠡᠭᠦᠷᠡᠰᠦᠨ᠎ᠤ ᠦᠨᠡᠰᠦ ᠵᠢ ᠶᠡᠷᠦᠩᠬᠡᠢ᠌ᠯᠡᠨ ᠠᠰᠢᠭᠯᠠᠬᠤ ᠵᠢ ᠶᠡᠬᠡ ᠬᠡᠪᠴᠢᠶ᠎ᠡ᠎ᠪᠠᠷ ᠥᠷᠨᠢᠭᠦᠯᠬᠦ᠎ᠪᠠᠷ ᠳᠠᠮᠵᠢᠭᠤᠯᠤᠨ᠂ ᠨᠡᠭᠦᠷᠡᠰᠦᠨ᠎ᠤ ᠡᠬᠢ ᠪᠠᠶᠠᠯᠢᠭ᠎ᠢ ᠠᠰᠢᠭᠯᠠᠬᠤ ᠨᠤᠷᠮ᠎ᠠ ᠵᠢ ᠳᠡᠭᠡᠭᠰᠢᠯᠡᠭᠦᠯᠦᠭᠡᠳ᠂ ᠥᠷᠲᠡᠭ᠎ᠨᠢ ᠨᠡᠭᠦᠷᠡᠰᠦᠨ᠎ᠤ ᠲᠤᠰ ᠪᠡᠶ᠎ᠡ ᠵᠢᠨ ᠥᠷᠲᠡᠭ᠎ᠠᠴᠠ ᠬᠣᠯᠠ ᠳᠠᠪᠠᠪᠠ᠃
3. ᠨᠡᠭᠦᠷᠡᠰᠦᠨ᠎ᠠᠴᠠ ᠭ᠋ᠸᠷᠮᠡᠨ ᠭᠠᠷᠭ᠋ᠠᠨ ᠠᠪᠴᠤ᠂ ᠡᠬᠢ ᠪᠠᠶᠠᠯᠢᠭ᠎ᠢ ᠠᠰᠢᠭᠯᠠᠬᠤ ᠠᠵᠤ ᠠᠬᠤᠢ ᠵᠢᠨ ᠥᠷᠲᠡᠭ᠎ᠢ ᠳᠡᠭᠡᠭᠰᠢᠯᠡᠭᠦᠯᠪᠡ
ᠭ᠋ᠸᠷᠮᠡᠨ ᠪᠣᠯ ᠲᠠᠷᠬᠠᠮᠠᠯ ᠬᠣᠪᠣᠷ ᠲᠡᠮᠦᠷᠯᠢᠭ᠎ᠤᠨ ᠨᠢᠭᠡ ᠵᠦᠢ᠍ᠯ ᠪᠣᠯᠬᠤ ᠪᠥᠭᠡᠳ ᠭᠣᠣᠯᠳᠠᠭᠤ ᠴᠡᠷᠢᠭ᠎ᠤᠨ ᠶᠠᠪᠤᠳᠠᠯ᠂ ᠠᠭ᠋ᠠᠷ᠎ᠤᠨ ᠲᠡᠭᠡᠭᠡᠪᠦᠷᠢ ᠰᠠᠨᠰᠠᠷ᠎ᠤᠨ ᠠᠶᠠᠯᠠᠯ᠂ ᠭᠡᠷᠡᠯ ᠰᠢᠷᠬᠡᠭ᠎ᠤᠨ ᠬᠣᠯᠪᠤᠭ᠎ᠠ᠂ ᠡᠮᠨᠡᠯᠭᠡ ᠵᠡᠷᠭᠡ ᠳᠡᠭᠡᠳᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠨ᠎ᠳᠤ ᠬᠡᠷᠡᠭᠯᠡᠭᠳᠡᠵᠦ᠂ ᠤᠯᠤᠰ᠎ᠤᠨ ᠳᠤᠲᠤᠭ᠋ᠠᠳᠤ ᠭᠠᠳᠠᠭ᠋ᠠᠳᠤ ᠵᠢᠨ ᠴᠢᠬᠤᠯᠡ ᠪᠠᠢ᠌ᠯᠳᠤᠬᠤ ᠪᠣᠳᠣᠯᠭ᠎ᠠ ᠵᠢᠨ ᠨᠥᠬᠡᠴᠡᠯᠡᠬᠦ ᠡᠳ᠋ ᠪᠠᠷᠠᠭ᠎ᠠ ᠪᠣᠯᠣᠨ᠎ᠠ᠃ ᠥᠪᠥᠷ ᠮᠣᠩᠭᠣᠯ᠎ᠤᠨ ᠭ᠋ᠸᠷᠮᠡᠨᠤ ᠠᠭᠤᠷᠬᠠᠢ ᠭᠣᠣᠯᠳᠠᠭᠤ ᠰᠢᠯᠢ ᠵᠢᠨ ᠭᠣᠣᠯ ᠠᠢ᠌ᠮᠠᠭ᠎ᠤᠨ ᠱᠸᠩᠯᠢ ᠨᠡᠭᠦᠷᠡᠰᠦᠨ ᠠᠭᠤᠷᠬᠠᠢ᠎ᠳᠤ ᠲᠥᠪᠯᠡᠷᠡᠨ ᠲᠠᠷᠬᠠᠵᠤ᠂ ᠭ᠋ᠸᠷᠮᠠᠨ᠎ᠲᠤ ᠨᠡᠭᠦᠷᠡᠰᠦᠨ᠎ᠤ ᠭ᠋ᠸᠷᠮᠡᠨ ᠲᠡᠮᠦᠷᠯᠢᠭ᠎ᠤᠨ ᠠᠭᠤᠯᠤᠭᠳᠠᠴᠠ᠎ᠨᠢ ᠪᠠᠷᠤᠭ 120g/t ᠪᠠᠢ᠌ᠵᠤ᠂ ᠭ᠋ᠸᠷᠮᠠᠨ᠎ᠲᠦ ᠲᠡᠮᠦᠷᠯᠢᠭ᠎ᠤᠨ ᠡᠬᠢ ᠪᠠᠶᠠᠯᠢᠭ᠎ᠤᠨ ᠬᠡᠮᠵᠢᠶ᠎ᠡ ᠵᠢ ᠪᠠᠷᠤᠭ 3500 ᠲᠣᠨ ᠪᠠᠢ᠌ᠴᠠᠭ᠋ᠠᠨ ᠢᠯᠡᠷᠡᠭᠦᠯᠵᠦ᠂ ᠪᠥᠬᠦ ᠤᠯᠤᠰ᠎ᠤᠨ ᠪᠠᠢ᠌ᠭ᠎ᠠ ᠡᠬᠢ ᠪᠠᠶᠠᠯᠢᠭ᠎ᠤᠨ ᠶᠡᠷᠦᠩᠬᠡᠢ ᠬᠡᠮᠵᠢᠶ᠎ᠡ ᠵᠢᠨ 40%᠎ᠠᠴᠠ ᠳᠡᠭᠡᠭᠰᠢ ᠵᠢ ᠡᠵᠡᠯᠡᠵᠦ᠂ ᠪᠥᠬᠦ ᠤᠯᠤᠰ᠎ᠲᠤ ᠨᠢᠭᠡᠳᠦᠭᠡᠷ ᠪᠠᠢ᠌ᠷᠢ᠎ᠳᠤ ᠪᠠᠢ᠌ᠷᠢᠯᠠᠵᠤ ᠪᠣᠢ᠃ ᠣᠳᠣᠬᠠᠨ᠎ᠳᠤ ᠬᠦᠷᠡᠩ ᠨᠡᠭᠦᠷᠡᠰᠦᠨ᠎ᠤ ᠵᠠᠬ᠎ᠠ ᠳᠡᠯᠭᠡᠭᠦᠷ᠎ᠤᠨ ᠦᠨᠡᠨ᠎ᠢ 100 ᠲᠥᠭᠥᠷᠢᠭ / ᠲᠣᠨ ᠣᠷᠴᠢᠮ ᠪᠠᠢ᠌ᠵᠤ᠂ ᠭ᠋ᠸᠷᠮᠠᠨ᠎ᠲᠦ ᠲᠡᠮᠦᠷᠯᠢᠭ᠎ᠤᠨ ᠦᠨᠡᠨ᠎ᠢ ᠪᠠᠷᠤᠭ 1300 ᠲᠥᠮᠡᠨ ᠲᠥᠭᠥᠷᠢᠭ / ᠲᠣᠨ ᠪᠣᠢ᠃ ᠨᠢᠭᠡ ᠲᠣᠨ ᠭ᠋ᠸᠷᠮᠠᠨ᠎ᠲᠦ ᠨᠡᠭᠦᠷᠡᠰᠦ ᠵᠢ ᠬᠥᠷᠡᠩ ᠨᠡᠭᠦᠷᠡᠰᠦᠨ᠎ᠤ ᠦᠨ᠎ᠡ᠎ᠪᠠᠷ ᠪᠣᠳᠣᠪᠠᠯ ᠵᠦᠪᠬᠡᠨ 100 ᠲᠥᠭᠥᠷᠢᠭ ᠣᠷᠴᠢᠮ ᠪᠠᠢ᠌ᠵᠤ᠂ ᠭ᠋ᠸᠷᠮᠠᠨ᠎ᠲᠦ ᠲᠡᠮᠦᠷᠯᠢᠭ᠎ᠤᠨ ᠦᠨ᠎ᠡ᠎ᠪᠠᠷ ᠪᠣᠳᠣᠪᠠᠯ 1560 ᠲᠥᠭᠥᠷᠢᠭ ᠣᠷᠴᠢᠮ ᠪᠣᠯᠬᠤ ᠪᠥᠭᠡᠳ ᠭ᠋ᠸᠷᠮᠠᠨ᠎ᠲᠦ ᠲᠡᠮᠦᠷᠯᠢᠭ᠎ᠤᠨ ᠥᠷᠲᠡᠭ᠎ᠨᠢ ᠬᠥᠷᠡᠩ ᠨᠡᠭᠦᠷᠡᠰᠦ᠎ᠠᠴᠠ ᠬᠣᠯᠠ ᠥᠨᠳᠥᠷ ᠪᠣᠯᠬᠤ ᠪᠣᠯᠣᠨ᠎ᠠ᠃ ᠡᠨᠡ ᠬᠣᠶᠠᠷ᠎ᠢ ᠬᠠᠷᠢᠯᠴᠠᠨ ᠨᠡᠮᠡᠭᠡᠳ ᠶᠡᠷᠦᠩᠬᠡᠢ᠌ᠯᠡᠨ ᠦᠨ᠎ᠡ ᠪᠣᠳᠣᠪᠠᠯ ᠨᠢᠭᠡ ᠲᠣᠨ ᠭ᠋ᠸᠷᠮᠠᠨ᠎ᠲᠦ ᠨᠡᠭᠦᠷᠡᠰᠦ 1660 ᠲᠥᠭᠥᠷᠢᠭ᠎ᠲᠤ ᠬᠦᠷᠴᠦ᠂ ᠶᠡᠷᠦᠩᠬᠡᠢ᠌ᠯᠡᠨ ᠠᠰᠢᠭᠯᠠᠬᠤ᠎ᠨᠢ ᠠᠭᠤᠷᠬᠠᠢ ᠵᠢᠨ ᠭᠠᠷᠤᠯᠲᠠ ᠵᠢᠨ ᠥᠷᠲᠡᠭ᠎ᠢ ᠶᠡᠬᠡᠬᠡᠨ ᠳᠡᠭᠡᠭᠰᠢᠯᠡᠭᠦᠯᠬᠦ ᠵᠢ ᠣᠯᠵᠤ ᠬᠠᠷᠠᠬᠤ ᠪᠣᠯᠣᠨ᠎ᠠ᠃
[ᠬᠥᠲᠥᠯᠥᠭᠴᠢ] ᠸᠠᠩ ᠲᠢᠩᠬᠢᠮ᠎ᠤᠨ ᠳᠠᠷᠣᠭ᠎ᠠ ᠡ᠂ ᠳᠠᠷᠠᠭ᠋ᠠᠴᠢ ᠵᠢᠨ ᠠᠯᠬᠤᠮ᠎ᠤᠨ ᠡᠬᠢ ᠪᠠᠶᠠᠯᠢᠭ᠎ᠢ ᠠᠷᠪᠢᠯᠠᠬᠤ ᠪᠠ ᠶᠡᠷᠦᠩᠬᠡᠢ᠌ᠯᠡᠨ ᠠᠰᠢᠭᠯᠠᠬᠤ ᠠᠵᠢᠯ᠎ᠤᠨ ᠭᠣᠣᠯᠳᠠᠯᠭ᠎ᠠ᠎ᠨᠢ ᠶᠠᠭᠤ ᠪᠣᠢ?
[ᠸᠠᠩ ᠵᠢᠶᠠᠨ ᠮᠢᠨ] ᠭᠠᠵᠠᠷ ᠣᠷᠣᠨ᠎ᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠲᠥᠷᠥᠯᠬᠢ ᠣᠨᠴᠠᠯᠢᠭ ᠬᠢᠭᠡᠳ ᠠᠵᠢᠯ᠎ᠤᠨ ᠬᠡᠮᠵᠢᠶ᠎ᠡ ᠵᠢᠨ ᠬᠢᠵᠠᠭ᠋ᠠᠷᠯᠠᠯ᠎ᠠᠴᠠ ᠪᠣᠯᠵᠤ᠂ ᠮᠠᠨ᠎ᠤ ᠣᠷᠣᠨ ᠡᠬᠢ ᠪᠠᠶᠠᠯᠢᠭ᠎ᠤᠨ ᠯᠣᠲᠣ ᠶᠡᠬᠡ ᠳᠠᠷᠤᠯᠲᠠ᠎ᠳᠤ ᠠᠳᠠᠯᠢᠬᠠᠨ ᠲᠤᠯᠭ᠋ᠠᠷᠠᠵᠤ ᠪᠣᠢ᠃ ᠲᠠᠰᠤᠷᠠᠯᠲᠠ ᠦᠭᠡᠢ ᠨᠡᠮᠡᠭᠳᠡᠵᠦ ᠪᠠᠢ᠌ᠭ᠎ᠠ ᠵᠠᠬ᠎ᠠ ᠳᠡᠯᠭᠡᠭᠦᠷ᠎ᠤᠨ ᠬᠡᠷᠡᠭᠴᠡᠭᠡ᠂ 《ᠤᠯᠤᠰ᠎ᠤᠨ ᠳᠣᠲᠣᠭ᠋ᠠᠳᠤ᠎ᠳᠠᠭᠠᠨ ᠰᠠᠭᠤᠷᠢᠯᠠᠭᠰᠠᠨ ᠡᠬᠢ ᠪᠠᠶᠠᠯᠢᠭ᠎ᠤᠨ ᠬᠠᠩᠭ᠋ᠠᠯᠭ᠎ᠠ ᠵᠢ ᠪᠠᠲᠤᠯᠠᠬᠤ》 ᠪᠠ ᠠᠭᠤᠷᠬᠠᠢ ᠵᠢᠨ ᠦᠢ᠍ᠯᠡᠰ᠎ᠤᠨ ᠤᠷᠲᠤ ᠬᠤᠭᠤᠴᠠᠭ᠋ᠠᠨ᠎ᠤ ᠡᠷᠡᠭᠦᠯ ᠵᠶ᠋ᠠᠷ ᠬᠥᠭᠵᠢᠬᠦ ᠵᠢᠴᠢ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠰᠢᠨ᠎ᠡ ᠱᠠᠭ᠋ᠠᠷᠳᠠᠯᠭ᠎ᠠ᠎ᠳᠤ ᠬᠠᠨᠳᠤᠭᠤᠯᠪᠠᠯ᠂ ᠪᠢᠳᠠ ᠪᠠᠰᠠ ᠮᠠᠰᠢ ᠠᠷᠪᠢᠨ ᠣᠷᠣᠰᠢᠵᠤ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠬᠦ ᠴᠢᠬᠤᠯᠠᠲᠠᠢ ᠪᠠᠢ᠌ᠵᠤ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠶᠡᠷᠦᠩᠬᠡᠢ᠌ᠯᠡᠨ ᠠᠰᠢᠭᠯᠠᠬᠤ ᠬᠢᠷᠢ ᠬᠡᠮᠵᠢᠶ᠎ᠡ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ᠎ᠨᠢ ᠮᠦᠨᠬᠦ ᠬᠣᠢ᠌ᠰᠢᠲᠠ ᠵᠢᠨ ᠡᠷᠬᠡᠪᠰᠢ ᠤᠷᠲᠤ ᠬᠤᠭᠤᠴᠠᠭ᠎ᠠ᠎ᠪᠠᠷ ᠪᠠᠷᠢᠮᠲᠠᠯᠠᠬᠤ ᠴᠢᠭᠯᠡᠯ ᠪᠣᠯᠬᠤ ᠲᠤᠯᠠ᠂ ᠳᠣᠣᠷᠠᠬᠢ ᠬᠡᠳᠦᠨ ᠲᠠᠯ᠎ᠠ ᠵᠢᠨ ᠠᠵᠢᠯ᠎ᠢ ᠰᠠᠢ᠌ᠲᠤᠷ ᠬᠢᠬᠦ ᠬᠡᠷᠡᠭᠲᠡᠢ ᠪᠠᠢ᠌ᠨ᠎ᠠ᠃
(ᠨᠢᠭᠡ) ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠶᠡᠷᠦᠨᠭᠬᠡᠢ᠌ᠯᠡᠨ ᠬᠠᠢ᠌ᠨ ᠪᠠᠢ᠌ᠴᠠᠭ᠋ᠠᠬᠤ ᠪᠠ ᠶᠡᠷᠦᠨᠭᠬᠡᠢ᠌ᠯᠡᠨ ᠦᠨᠡᠯᠡᠬᠦ ᠶᠠᠪᠤᠳᠠᠯ᠎ᠢ ᠴᠢᠩᠭ᠋ᠠᠳᠬᠠᠨ᠎ᠠ
ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠶᠡᠷᠦᠨᠭᠬᠡᠢ᠌ᠯᠡᠨ ᠬᠠᠢ᠌ᠨ ᠪᠠᠢ᠌ᠴᠠᠭ᠋ᠠᠬᠤ ᠪᠠ ᠶᠡᠷᠦᠨᠭᠬᠡᠢ᠌ᠯᠡᠨ ᠦᠨᠡᠯᠡᠬᠦ ᠠᠵᠢᠯ ᠪᠣᠯ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠶᠡᠷᠦᠩᠬᠡᠢ᠌ᠯᠡᠨ ᠠᠰᠢᠭᠯᠠᠬᠤ ᠵᠢᠨ ᠣᠷᠢᠳᠡᠴᠢ ᠨᠥᠬᠦᠴᠡᠯ ᠪᠠ ᠰᠠᠭᠤᠷᠢ ᠪᠣᠯᠬᠤ ᠲᠤᠯᠠ᠂ ᠵᠦᠪᠬᠡᠨ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠭᠠᠵᠠᠷ ᠰᠢᠨᠵᠢᠯᠡᠭᠡᠨ᠎ᠤ ᠬᠠᠢ᠌ᠨ ᠪᠠᠢ᠌ᠴᠠᠭ᠋ᠠᠬᠤ ᠶᠠᠪᠤᠴᠠ᠎ᠳᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ ᠵᠢᠴᠢ ᠬᠠᠮᠳᠤ ᠭᠠᠷᠬᠤ ᠪᠠ ᠲᠠᠭ᠋ᠠᠯᠳᠤᠨ ᠭᠠᠷᠬᠤ ᠬᠦᠳᠡᠷ᠎ᠤᠨ ᠠᠭᠤᠷᠬᠠᠢ ᠵᠢᠨ ᠲᠥᠷᠥᠯᠬᠢ ᠣᠨᠴᠠᠯᠢᠭ᠂ ᠦᠯᠡᠳᠡᠭᠳᠡᠯ ᠬᠦᠳᠡᠷ᠎ᠢ ᠰᠢᠯᠢᠨ ᠬᠠᠢ᠌ᠯᠤᠭᠤᠯᠬᠤ ᠴᠢᠳᠠᠪᠬᠢ᠂ ᠨᠡᠬᠡᠬᠡᠨ ᠮᠠᠯᠲᠠᠬᠤ ᠮᠡᠷᠭᠡᠵᠢᠯ᠎ᠤᠨ ᠨᠥᠬᠦᠴᠡᠯ᠎ᠤᠨ ᠪᠠᠢ᠌ᠳᠠᠯ᠎ᠢ ᠨᠠᠷᠢᠨ ᠲᠣᠳᠣᠷᠬᠠᠢ ᠪᠠᠢ᠌ᠴᠠᠭ᠋ᠠᠨ ᠣᠢ᠌ᠯᠠᠭ᠋ᠠᠪᠠᠯ ᠰᠠᠶᠢ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠠᠷᠪᠢᠯᠠᠬᠤ ᠪᠠ ᠶᠡᠷᠦᠩᠬᠡᠢ᠌ᠯᠡᠨ ᠠᠰᠢᠭᠯᠠᠬᠤ ᠵᠢ ᠪᠡᠶᠡᠯᠡᠭᠦᠯᠵᠦ᠂ ᠰᠠᠶᠢ ᠬᠦᠳᠡᠷ᠎ᠤᠨ ᠬᠡᠪᠲᠡᠰᠢ ᠵᠢᠨ ᠠᠵᠤ ᠠᠬᠤᠢ ᠵᠢᠨ ᠥᠷᠲᠡᠭ ᠪᠠ ᠨᠡᠢ᠌ᠭᠡᠮ᠎ᠤᠨ ᠥᠷᠲᠡᠭ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠳᠠᠷᠠᠭᠤᠯᠵᠤ ᠴᠢᠳᠠᠨ᠎ᠠ᠃
(ᠬᠣᠶᠠᠷ) ᠲᠡᠷᠢᠭᠦᠨ᠎ᠤ ᠬᠡᠷᠡᠭᠯᠡᠭᠡᠨ᠎ᠤ ᠮᠡᠷᠭᠡᠵᠢᠯ ᠬᠢᠭᠡᠳ ᠲᠣᠨᠣᠭ ᠲᠥᠬᠦᠭᠡᠷᠦᠮᠵᠢ ᠵᠢ ᠶᠡᠬᠡᠪᠡᠷ ᠲᠣᠯᠢᠳᠠᠨ ᠳᠡᠯᠭᠡᠷᠡᠭᠦᠯᠵᠦ᠂ ᠬᠥᠳᠡᠷ ᠰᠢᠯᠢᠬᠦ ᠲᠠᠯ᠎ᠠ᠎ᠪᠠᠷ ᠰᠢᠨᠵᠢᠯᠡᠬᠦ ᠣᠬᠠᠭ᠋ᠠᠨᠴᠢ ᠪᠥᠭᠡᠳ ᠪᠦᠷᠢᠨ ᠲᠡᠭᠦᠯᠳᠡᠷ ᠮᠠᠯᠲᠠᠬᠤ ᠰᠢᠯᠢᠬᠦ ᠮᠡᠷᠭᠡᠵᠢᠯ᠎ᠤᠨ ᠤᠷᠠᠨ ᠲᠠᠷᠬ᠎ᠠ ᠵᠢᠨ ᠴᠣᠪᠣᠷᠠᠯ᠎ᠤᠳ ᠴᠣᠯᠭᠣᠷᠠᠨ ᠭᠠᠷᠴᠤ᠂ ᠠᠭᠤᠷᠬᠠᠢ ᠵᠢᠨ ᠠᠵᠤ ᠠᠬᠤᠢ᠌ᠯᠠᠯ᠎ᠤᠨ ᠪᠤᠳᠠᠳᠣ ᠦᠢ᠍ᠯᠡᠳᠪᠦᠷᠢᠯᠡᠯ᠎ᠳᠠᠬᠢ 《ᠭᠣᠷᠪᠠᠨ ᠨᠤᠷᠮ᠎ᠠ》 ᠵᠢᠨ ᠭᠦᠢ᠍ᠴᠡᠳᠬᠡᠬᠦ ᠲᠣᠭ᠎ᠠ ᠵᠢ ᠪᠥᠲᠦᠮᠵᠢᠲᠡᠢ ᠳᠡᠭᠡᠭᠰᠢᠯᠡᠭᠦᠯᠪᠡ᠃ ᠢᠯᠠᠨᠭ᠌ᠭᠤᠶᠡ ᠴᠢᠨᠠᠷ ᠳᠡᠰ᠎ᠨᠢ ᠳᠣᠣᠷ᠎ᠠ᠂ ᠰᠢᠯᠢᠵᠦ ᠬᠠᠢ᠌ᠯᠤᠭᠤᠯᠬᠤ᠎ᠳᠤ ᠬᠦᠴᠢᠷ᠎ᠲᠠᠢ ᠵᠠᠷᠢᠮ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ ᠵᠢᠴᠢ ᠠᠭᠤᠷᠬᠠᠢ ᠵᠢᠨ ᠬᠠᠶᠠᠭᠳᠠᠮᠠᠯ ᠪᠤᠳᠠᠰ᠎ᠢ ᠡᠭᠡᠭᠦᠯᠦᠨ ᠬᠤᠷᠢᠶᠠᠬᠤ᠎ᠳᠤ ᠲᠤᠰᠬᠠᠢ᠌ᠯᠠᠨ ᠬᠠᠨᠳᠤᠭᠤᠯᠤᠭᠰᠠᠨ ᠰᠢᠨ᠎ᠡ ᠤᠷᠠᠨ ᠲᠠᠷᠬ᠎ᠠ᠂ ᠰᠢᠨ᠎ᠡ ᠠᠷᠭ᠎ᠠ ᠵᠢ ᠳᠡᠯᠭᠡᠷᠡᠭᠦᠯᠦᠨ ᠲᠣᠯᠢᠯᠠᠭᠤᠯᠤᠭᠤᠰᠢᠲᠠᠢ ᠪᠠᠢ᠌ᠨ᠎ᠠ᠃
《ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠠᠷᠪᠢᠯᠠᠬᠤ ᠪᠠ ᠶᠡᠷᠦᠩᠬᠡᠢ᠌ᠯᠡᠨ ᠠᠰᠢᠭᠯᠠᠬᠤ ᠵᠢ ᠵᠣᠷᠢᠭᠵᠢᠭᠤᠯᠬᠤ᠂ ᠬᠢᠵᠠᠭ᠋ᠠᠷᠯᠠᠬᠤ ᠪᠠ ᠰᠢᠭᠰᠢᠭᠳᠡᠭᠦᠯᠬᠦ ᠮᠡᠷᠭᠡᠵᠢᠯ᠎ᠤᠨ ᠭᠠᠷᠴᠠᠭ》᠎ᠢ ᠥᠷᠭᠦᠯᠵᠢᠯᠡᠨ ᠴᠢᠩᠭ᠎ᠠ ᠬᠡᠷᠡᠭᠵᠢᠭᠦᠯᠵᠦ᠂ ᠠᠶᠤᠯ ᠦᠭᠡᠢ ᠥᠨᠳᠥᠷ ᠦᠷ᠎ᠡ ᠪᠥᠲᠥᠮᠵᠢᠲᠠᠢ ᠠᠭᠤᠷᠬᠠᠢ ᠮᠠᠯᠲᠠᠬᠤ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠥᠨᠳᠥᠷ ᠦᠷ᠎ᠡ ᠪᠥᠲᠥᠮᠵᠢᠲᠡᠢ ᠠᠰᠢᠭᠯᠠᠬᠤ᠂ ᠦᠯᠡᠳᠡᠭᠳᠡᠯ ᠬᠦᠳᠡᠷ ᠬᠢᠭᠡᠳ ᠬᠠᠲᠠᠭᠣ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠢ᠌ᠯᠡᠨ ᠠᠰᠢᠭᠯᠠᠬᠤ᠂ ᠠᠭᠤᠷᠬᠠᠢ ᠵᠢᠨ ᠣᠷᠴᠢᠨ ᠲᠣᠭᠣᠷᠢᠨ᠎ᠢ ᠵᠠᠰᠠᠵᠤ ᠰᠡᠷᠭᠦᠭᠡᠬᠦ ᠵᠡᠷᠭᠡ ᠮᠡᠷᠭᠡᠵᠢᠯ᠎ᠢ ᠪᠥᠬᠦ ᠲᠠᠯ᠎ᠠ᠎ᠪᠠᠷ ᠳᠡᠯᠭᠡᠷᠡᠭᠦᠯᠦᠨ᠂ ᠠᠭᠤᠷᠬᠠᠢ ᠵᠢᠨ ᠠᠵᠤ ᠠᠬᠤᠢ᠌ᠯᠠᠯ᠎ᠢ ᠬᠥᠲᠥᠯᠥᠨ ᠵᠢᠯᠤᠭᠤᠳᠴᠤ ᠪᠠᠢ᠌ᠭ᠋ᠠᠳ ᠡᠨ᠋ᠸᠷᠭᠢ ᠵᠢᠨ ᠠᠭᠤᠷᠬᠠᠢ ᠵᠢᠨ ᠭᠠᠷᠤᠯᠲᠠ᠂ ᠬᠠᠷ᠎ᠠ ᠲᠡᠮᠦᠷᠯᠢᠭ᠂ ᠥᠩᠭᠡᠲᠦ ᠲᠡᠮᠦᠷᠯᠢᠭ᠂ ᠲᠡᠮᠦᠷᠯᠢᠭ ᠪᠣᠰᠤ᠂ ᠠᠭᠤᠷᠬᠠᠢ ᠵᠢᠨ ᠦᠯᠡᠳᠡᠭᠳᠡᠯ ᠬᠦᠳᠡᠷ ᠪᠠ ᠬᠠᠶᠠᠭᠳᠠᠮᠠᠯ ᠪᠣᠳᠠᠰ᠎ᠢ ᠶᠡᠷᠦᠩᠬᠡᠢ᠌ᠯᠡᠨ ᠠᠰᠢᠭᠯᠠᠬᠤ ᠵᠡᠷᠭᠡ ᠲᠠᠯ᠎ᠠ᠎ᠪᠠᠷ ᠲᠡᠷᠢᠭᠦᠨ᠎ᠤ ᠮᠡᠷᠭᠡᠵᠢᠯ᠂ ᠤᠷᠠᠨ ᠲᠠᠷᠬ᠎ᠠ ᠪᠠ ᠲᠣᠨᠣᠭ ᠲᠥᠬᠦᠭᠡᠷᠦᠮᠵᠢ ᠵᠢ ᠢᠳᠡᠪᠬᠢᠲᠡᠢ ᠬᠡᠷᠡᠭᠯᠡᠵᠦ᠂ ᠬᠣᠴᠣᠷᠣᠨᠭ᠌ᠭᠣᠢ ᠮᠡᠷᠭᠡᠵᠢᠯ ᠲᠣᠨᠣᠭ ᠲᠥᠬᠦᠭᠡᠷᠦᠮᠵᠢ ᠪᠣᠯᠣᠨ ᠬᠣᠴᠤᠷᠤᠩᠭᠤᠢ ᠦᠢ᠍ᠯᠡᠳᠪᠦᠷᠢᠯᠡᠬᠦ ᠴᠢᠳᠠᠪᠤᠷᠢ ᠵᠢ ᠰᠢᠯᠢᠭᠳᠡᠭᠦᠯᠦᠨ᠂ ᠠᠭᠤᠷᠬᠠᠢ ᠵᠢᠨ ᠠᠵᠤ ᠠᠬᠤᠢ᠌ᠯᠠᠯ᠎ᠢ ᠵᠣᠷᠢᠭᠵᠢᠭᠤᠯᠤᠨ 《ᠭᠣᠷᠪᠠᠨ ᠨᠤᠷᠮ᠎ᠠ》 ᠵᠢᠨ ᠬᠢᠷᠢ ᠬᠡᠮᠵᠢᠶ᠎ᠡ ᠵᠢ ᠳᠡᠭᠡᠭᠰᠢᠯᠡᠬᠦ᠎ᠪᠠᠷ ᠭᠣᠣᠯᠳᠠᠯᠭ᠎ᠠ ᠪᠣᠯᠭ᠋ᠠᠨ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠬᠡᠬᠡᠨ ᠮᠠᠯᠲᠠᠬᠤ ᠪᠠ ᠬᠥᠳᠡᠷ ᠰᠢᠯᠢᠬᠦ ᠮᠡᠷᠭᠡᠵᠢᠯ᠎ᠤᠨ ᠪᠥᠬᠥᠯᠢ ᠴᠤᠭᠴᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠦᠷᠢᠶᠡᠨ᠎ᠤ ᠡᠨ᠋ᠸᠷᠬᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠪᠠ ᠠᠷᠪᠢᠯᠠᠬᠤ ᠬᠢᠭᠡᠳ ᠶᠡᠷᠦᠩᠬᠡᠢ᠌ᠯᠡᠨ ᠠᠰᠢᠭᠯᠠᠬᠤ ᠵᠢ ᠠᠬᠢᠭᠤᠯᠤᠨ᠎ᠠ᠃
(ᠭᠤᠷᠪᠡ) ᠶᠡᠷᠦᠩᠬᠡᠢ ᠠᠰᠢᠭᠯᠠᠬᠤ ᠵᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠪᠥᠲᠦᠭᠡᠨ ᠪᠠᠢ᠌ᠭᠤᠯᠬᠤ ᠪᠠ ᠵᠢᠱ᠌ᠢᠶ᠎ᠡ ᠦᠵᠡᠭᠦᠯᠬᠦ ᠢᠨᠵᠸᠨ᠋ᠸᠷᠢᠩ᠎ᠢ ᠲᠦᠯᠬᠢᠨ ᠠᠬᠢᠭᠤᠯᠤᠨ᠎ᠠ
ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠠᠷᠪᠢᠯᠠᠬᠤ ᠪᠠ ᠶᠡᠷᠦᠩᠬᠡᠢ᠌ᠯᠡᠨ ᠠᠰᠢᠭᠯᠠᠬᠤ ᠲᠤᠰᠬᠠᠢ ᠵᠦᠢ᠍ᠯ᠎ᠢ ᠥᠷᠭᠦᠯᠵᠢᠯᠡᠨ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠪᠠᠶᠠᠨᠨ᠋ᠤᠪᠤᠭᠠ ᠵᠢᠨ ᠲᠡᠮᠦᠷ᠂ ᠨᠢᠣᠪᠢ᠂ ᠬᠣᠪᠣᠷ ᠰᠢᠷᠤᠢ ᠵᠢᠨ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠶᠡᠷᠦᠨᠭᠬᠡᠢ᠌ᠯᠡᠨ ᠠᠰᠢᠭᠯᠠᠭᠰᠠᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠪᠠ ᠵᠡᠭᠦᠨᠭ᠋ᠠᠷ᠎ᠤᠨ ᠨᠡᠭᠦᠷᠡᠰᠦ᠂ ᠭᠣᠣᠯᠢᠨᠭ᠌ ᠰᠢᠷᠤᠢ ᠵᠢ ᠶᠡᠷᠦᠨᠭᠬᠡᠢ᠌ᠯᠡᠨ ᠠᠰᠢᠭᠯᠠᠭᠰᠠᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠲᠥᠷᠥᠯ ᠵᠦᠢ᠍ᠯ᠎ᠤᠨ ᠲᠡᠷᠢᠭᠦᠨ᠎ᠤ ᠲᠤᠷᠰᠢᠯᠭ᠎ᠠ ᠪᠣᠯᠣᠨ ᠰᠢᠨ᠎ᠡ ᠵᠢ ᠡᠭᠦᠳᠬᠦ ᠠᠵᠢᠯ᠎ᠤᠨ ᠰᠡᠳᠬᠢᠮᠵᠢ ᠵᠢ ᠥᠨᠳᠥᠷ ᠦᠷ᠎ᠡ ᠪᠥᠲᠥᠮᠵᠢᠲᠡᠢ᠂ ᠪᠣᠬᠢᠷᠳᠤᠯ ᠦᠭᠡᠢ᠂ ᠠᠶᠤᠯ ᠦᠭᠡᠢ᠂ ᠣᠷᠴᠢᠨ ᠲᠤᠭᠤᠷᠢᠨ᠎ᠢ ᠬᠠᠮᠠᠭ᠋ᠠᠯᠠᠭᠰᠠᠨ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠪᠣᠯᠭ᠋ᠠᠵᠤ᠂ ᠴᠢᠭ᠋ ᠵᠶ᠋ᠠᠷ ᠨᠡᠢ᠌ᠳᠡᠮ᠎ᠢ ᠳᠠᠢ᠌ᠴᠢᠯᠠᠨ᠂ ᠲᠡᠷᠢᠭᠦᠨ᠎ᠤ ᠬᠡᠷᠡᠭᠯᠡᠭᠡᠨ᠎ᠤ ᠮᠡᠷᠭᠡᠵᠢᠯ ᠪᠠ ᠰᠢᠨᠵᠢᠯᠡᠬᠦ ᠣᠬᠠᠭ᠋ᠠᠨᠴᠢ ᠬᠠᠮᠢᠶᠠᠷᠤᠯᠲᠠ ᠵᠢᠨ ᠵᠠᠭᠪᠤᠷ᠎ᠢ ᠳᠡᠯᠭᠡᠷᠡᠭᠦᠯᠵᠦ᠂ ᠪᠥᠬᠦ ᠣᠷᠣᠨ᠎ᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠠᠷᠪᠢᠯᠠᠬᠤ ᠪᠠ ᠶᠡᠷᠦᠩᠬᠡᠢ᠌ᠯᠡᠨ ᠠᠰᠢᠭᠯᠠᠬᠤ ᠬᠢᠷᠢ ᠬᠡᠮᠵᠢᠶ᠎ᠡ ᠵᠢᠨ ᠪᠥᠬᠦ ᠲᠠᠯ᠎ᠠ᠎ᠪᠠᠷ ᠳᠡᠭᠡᠭᠰᠢᠯᠡᠬᠦ ᠵᠢ ᠬᠥᠲᠥᠯᠦᠨ ᠳᠠᠭ᠋ᠠᠭᠤᠯᠵᠤ ᠳᠠᠢ᠌ᠴᠢᠯᠠᠨ᠎ᠠ᠃
(ᠳᠥᠷᠪᠡ) ᠡᠬᠢ ᠪᠠᠶᠠᠯᠢᠭ᠎ᠢ ᠠᠷᠪᠢᠯᠠᠬᠤ ᠪᠠ ᠶᠡᠷᠦᠩᠬᠡᠢ᠌ᠯᠡᠨ ᠠᠰᠢᠭᠯᠠᠬᠤ ᠣᠷᠲᠣ ᠬᠤᠭᠤᠴᠠᠭ᠋ᠠᠨ᠎ᠤ ᠦᠷ᠎ᠡ ᠪᠥᠲᠥᠮᠵᠢᠲᠡᠢ ᠲᠣᠭᠲᠠᠴᠠ ᠵᠢ ᠲᠥᠷᠭᠡᠳᠬᠡᠨ ᠪᠠᠢ᠌ᠭᠤᠯᠤᠨ᠎ᠠ
ᠠᠭᠤᠷᠬᠠᠢ ᠵᠢᠨ ᠠᠵᠤ ᠠᠬᠤᠢ᠌ᠯᠠᠯ᠎ᠤᠨ ᠣᠨ᠎ᠤ ᠪᠠᠢ᠌ᠴᠠᠭ᠋ᠠᠬᠤ ᠳᠦᠷᠢᠮ᠎ᠢ ᠬᠢᠨᠠᠮᠠᠭ᠋ᠠᠢ ᠬᠡᠷᠡᠭᠵᠢᠭᠦᠯᠵᠦ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠠᠷᠪᠢᠯᠠᠬᠤ ᠪᠠ ᠶᠡᠷᠦᠩᠬᠡᠢ᠌ᠯᠡᠨ ᠠᠰᠢᠭᠯᠠᠬᠤ ᠵᠢᠨ ᠬᠢᠨᠠᠨ ᠬᠠᠮᠢᠶᠠᠷᠬᠤ ᠪᠠ ᠰᠢᠯᠭ᠋ᠠᠨ ᠬᠢᠨᠠᠬᠤ ᠵᠢ ᠴᠢᠩᠭ᠋ᠠᠷᠠᠭᠤᠯᠤᠨ᠂ ᠠᠷᠪᠢᠯᠠᠬᠤ ᠪᠠ ᠶᠡᠷᠦᠩᠬᠡᠢ᠌ᠯᠡᠨ ᠠᠰᠢᠭᠯᠠᠬᠤ ᠲᠥᠰᠥᠯ᠎ᠢ ᠪᠥᠲᠥᠮᠵᠢᠲᠡᠢ ᠬᠡᠷᠡᠭᠵᠢᠭᠦᠯᠬᠦ ᠵᠢ ᠦᠨᠡᠨᠬᠦ ᠪᠠᠲᠤᠯᠠᠨ᠎ᠠ᠃ ᠬᠠᠳᠠᠭ᠋ᠠᠯᠠᠭᠳᠠᠴᠠ ᠵᠢ ᠬᠥᠳᠡᠯᠦᠩᠭᠦᠢ ᠬᠢᠨᠠᠨ ᠬᠡᠮᠵᠢᠬᠦ᠂ ᠨᠡᠬᠡᠬᠡᠨ ᠠᠰᠢᠭᠯᠠᠵᠤ ᠪᠠᠢ᠌ᠭ᠎ᠠ ᠲᠣᠭ᠎ᠠ ᠪᠦᠷᠢᠳᠬᠡᠯ᠎ᠤᠨ ᠣᠨ᠎ᠤ ᠮᠡᠳᠡᠭᠦᠯᠬᠦ ᠪᠠ ᠨᠡᠬᠡᠬᠡᠨ ᠠᠰᠢᠭᠯᠠᠬᠤ ᠲᠥᠰᠥᠯ᠎ᠢ ᠬᠢᠨᠠᠨ ᠪᠠᠢ᠌ᠴᠠᠭ᠋ᠠᠬᠤ ᠵᠢ ᠴᠢᠨᠭ᠌ᠭ᠋ᠠᠳᠬᠠᠨ᠂ ᠵᠦᠪᠰᠢᠶᠡᠷᠡᠭᠰᠡᠨ ᠨᠡᠬᠡᠬᠡᠨ ᠠᠰᠢᠭᠯᠠᠬᠤ ᠲᠥᠰᠥᠯ ᠪᠣᠶᠤ ᠠᠭᠤᠷᠬᠠᠢ ᠵᠢᠨ ᠵᠢᠷᠤᠭ ᠲᠥᠯᠥᠪᠯᠡᠭᠡ ᠵᠢᠨ ᠶᠣᠰᠤᠭ᠋ᠠᠷ ᠨᠡᠬᠡᠬᠡᠨ ᠮᠠᠯᠲᠠᠭᠰᠠᠨ ᠦᠭᠡᠢ᠂ ᠡᠰᠡᠭᠦᠯ᠎ᠠ ᠨᠡᠬᠡᠬᠡᠨ ᠮᠠᠯᠲᠠᠬᠤ ᠵᠢᠨ ᠳᠠᠬᠢᠵᠤ ᠮᠠᠯᠲᠠᠬᠤ ᠨᠤᠷᠮ᠎ᠠ᠎ᠨᠢ ᠵᠢᠷᠤᠭᠯᠠᠨ ᠲᠥᠯᠥᠪᠯᠡᠭᠰᠡᠨ ᠱᠠᠭ᠋ᠠᠷᠳᠠᠯᠭ᠎ᠠ᠎ᠳᠤ ᠬᠦᠷᠴᠦ ᠦᠭᠡᠢ ᠵᠢᠨ ᠦᠢ᠍ᠯᠡᠳᠪᠦᠷᠢᠯᠡᠯ᠎ᠢ᠎ᠨᠢ ᠵᠠᠷᠯᠢᠭᠳᠠᠨ ᠵᠣᠭᠰᠤᠭ᠋ᠠᠵᠤ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠵᠤ᠂ ᠴᠡᠭᠴᠡᠯᠡᠨ ᠰᠠᠢ᠌ᠵᠢᠷᠠᠭᠤᠯᠤᠭᠰᠠᠨ᠎ᠤ ᠳᠠᠷᠠᠭ᠎ᠠ ᠮᠥᠨ ᠬᠦ᠌ ᠱᠠᠭ᠋ᠠᠷᠳᠠᠯᠭ᠎ᠠ᠎ᠳᠤ ᠬᠦᠷᠬᠦ ᠦᠭᠡᠢ ᠪᠣᠯ ᠡᠷᠡᠰ ᠬᠠᠭ᠋ᠠᠨ᠎ᠠ᠃ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠬᠡᠬᠡᠨ ᠠᠰᠢᠭᠯᠠᠬᠤ ᠵᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠵᠢᠨ ᠰᠢᠰᠲᠸᠮᠵᠢ ᠵᠢ ᠲᠡᠭᠦᠯᠳᠡᠷᠵᠢᠭᠦᠯᠦᠨ᠂ ᠣᠯᠠᠨ ᠱᠠᠲᠤᠨ᠎ᠤ᠎ᠬᠢᠨ ᠬᠠᠮᠲᠤᠷᠠᠭᠰᠠᠨ ᠬᠠᠷᠢᠭᠤᠴᠠᠯᠭ᠎ᠠ ᠵᠢᠨ ᠲᠣᠭᠲᠠᠴᠠ ᠵᠢ ᠪᠠᠢ᠌ᠭᠤᠯᠵᠤ᠂ ᠦᠨᠳᠦᠰᠦᠨ ᠱᠠᠲᠤᠨ᠎ᠤ ᠬᠢᠨᠠᠨ ᠬᠠᠮᠢᠶᠠᠷᠬᠤ ᠵᠣᠬᠢᠶᠠᠨ ᠪᠠᠢ᠌ᠭᠤᠯᠤᠯᠲᠠ ᠵᠢᠨ ᠪᠡᠯᠡ ᠮᠥᠩᠭᠦ᠂ ᠠᠵᠢᠯᠲᠠᠨ ᠪᠠ ᠮᠡᠷᠭᠡᠵᠢᠯ᠎ᠤᠨ ᠣᠷᠤᠭᠤᠯᠤᠯᠲᠠ ᠵᠢ ᠨᠡᠮᠡᠭᠳᠡᠭᠦᠯᠵᠦ᠂ ᠬᠢᠨᠠᠨ ᠬᠠᠮᠢᠶᠠᠷᠬᠤ ᠡᠭᠦᠷᠭᠡ ᠵᠢᠨ ᠬᠠᠷᠢᠭᠤᠴᠠᠯᠭ᠎ᠠ ᠵᠢ ᠬᠥᠮᠦᠨ᠎ᠳᠤ᠎ᠨᠢ ᠬᠦᠷᠦᠭᠦᠯᠬᠦ᠂ ᠬᠢᠨᠠᠨ ᠬᠠᠮᠢᠶᠠᠷᠬᠤ ᠵᠢ ᠠᠭᠤᠷᠬᠠᠢ᠎ᠳᠤ ᠬᠦᠷᠦᠭᠦᠯᠬᠦ ᠵᠢ ᠬᠡᠷᠡᠭᠵᠢᠭᠦᠯᠦᠨ᠎ᠡ᠃
[ᠬᠥᠲᠥᠯᠥᠭᠴᠢ] ᠸᠠᠩ ᠲᠢᠩᠬᠢᠮ᠎ᠤᠨ ᠳᠠᠷᠤᠭ᠎ᠠ ᠵᠢᠨ ᠬᠠᠯᠠᠰᠢᠷᠠᠯ ᠦᠭᠡᠢ ᠬᠠᠷᠢᠭᠤᠯᠤᠭᠰᠠᠨ᠎ᠳᠤ ᠲᠠᠯᠠᠷᠬᠠᠵᠦ ᠪᠠᠢ᠌ᠬᠤ ᠵᠢᠨ ᠵᠡᠷᠭᠡᠴᠡᠪᠡᠷ ᠰᠦᠯᠵᠢᠶᠡᠨ ᠠᠨᠳᠠ ᠨᠠᠷ᠎ᠤᠨ ᠢᠳᠡᠪᠬᠢᠲᠠᠢ ᠣᠷᠣᠯᠴᠠᠭᠰᠠᠨ᠎ᠳᠤ ᠲᠠᠯᠠᠷᠬᠠᠵᠦ ᠪᠠᠢ᠌ᠨ᠎ᠠ᠂ ᠦᠨᠥᠳᠥᠷ᠎ᠤᠨ ᠰᠣᠷᠪᠤᠯᠵᠢᠯᠠᠭ᠎ᠠ ᠡᠨᠳᠡ ᠬᠦᠷᠥᠭᠡᠳ ᠲᠡᠭᠦᠰᠪᠡ᠂ ᠳᠠᠷᠠᠭ᠋ᠠᠴᠢ ᠵᠢᠨ ᠫᠷᠤᠭ᠌ᠷᠠᠮ᠎ᠳᠤ ᠵᠣᠯᠭ᠋ᠠᠶ᠎ᠠ!