ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
2015 ᠣᠨ᠎ᠤ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ ᠵᠢᠨ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠭᠤᠶᠤᠴᠢᠯᠠᠬᠤ ᠬᠠᠮᠢᠶᠠᠷᠬᠤ ᠠᠵᠢᠯ᠎ᠢ ᠲᠠᠢ᠌ᠯᠪᠤᠷᠢᠯᠠᠬᠤ᠎ᠨᠢ
ᠨᠡᠶ᠋ᠢᠲᠡᠯᠡᠭᠰᠡᠨ ᠴᠠᠭ᠄ 2015-07-10

      ᠰᠤᠷᠪᠤᠯᠵᠢᠯᠠᠨ ᠶᠠᠷᠢᠯᠴᠠᠭᠰᠠᠨ ᠴᠠᠭ᠄

     2015 ᠤᠨ᠎ᠤ 7 ᠳ᠋ᠤᠭ᠋ᠠᠷ ᠰᠠᠷ᠎ᠠ ᠵᠢᠨ 9᠎ᠤ ᠡᠳᠦᠷ᠎ᠤᠨ ᠦᠳᠡ ᠵᠢᠨ ᠡᠮᠦᠨᠡᠬᠢ 10 ᠴᠠᠭ
      ᠰᠤᠷᠪᠤᠯᠵᠢᠯᠠᠨ ᠶᠠᠷᠢᠯᠴᠠᠭᠰᠠᠨ ᠵᠣᠴᠢᠨ᠄

      ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠤᠨ   ᠳᠡᠳ᠋ ᠳᠠᠷᠤᠭ᠎ᠠ   ᠵᠢᠶᠠ ᠶᠤᠸᠠᠢ ᠹᠸᠨᠭ
      ᠰᠤᠷᠪᠤᠯᠵᠢᠯᠠᠨ ᠶᠠᠷᠢᠯᠴᠠᠭᠰᠠᠨ ᠲᠣᠪᠴᠢ᠄
      ᠣᠶ᠋ᠢᠷ᠎ᠠ ᠵᠢᠨ ᠵᠢᠯ᠎ᠤᠳ᠎ᠲᠤ᠂ ᠲᠠᠷᠢᠶᠠᠯᠠᠩ ᠮᠠᠯ ᠠᠵᠤ ᠠᠬᠤᠶ ᠵᠢᠨ ᠪᠡᠯᠡ ᠣᠷᠣᠭᠤᠯᠤᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ ᠵᠢᠯ ᠳᠠᠷᠠᠭ᠋ᠠᠯᠠᠨ ᠨᠡᠮᠡᠭᠳᠡᠵᠦ ᠪᠠᠢ᠌ᠭ᠎ᠠ ᠪᠤᠯᠪᠠᠴᠤ ᠮᠠᠨ᠎ᠤ ᠣᠷᠣᠨ᠎ᠤ ᠥᠷᠭᠡᠨ ᠤᠯᠠᠨ ᠲᠠᠷᠢᠶᠠᠯᠠᠩ ᠮᠠᠯ ᠠᠵᠤ ᠠᠬᠤᠶ ᠵᠢᠨ ᠡᠵᠡᠩᠨᠡᠯᠲᠡ ᠵᠢᠨ ᠪᠡᠶᠡᠴᠢ ᠴᠣᠭᠴᠠ ᠪᠤᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠲᠠᠷᠢᠶᠠᠯᠠᠩ ᠮᠠᠯ ᠠᠵᠤ ᠠᠬᠤᠶ ᠵᠢᠨ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠪᠡᠯᠡ ᠣᠷᠣᠭᠤᠯᠤᠯᠲᠠ ᠵᠢᠨ ᠴᠢᠭᠯᠡᠯ᠂ ᠭᠤᠶᠤᠴᠢᠯᠠᠬᠤ ᠴᠤᠪᠤᠷᠠᠯ᠂ ᠭᠤᠶᠤᠴᠢᠯᠠᠬᠤ ᠨᠥᠬᠥᠴᠡᠯ ᠬᠢᠭᠡᠳ ᠲᠦᠷᠦᠯ ᠵᠦᠢ᠍ᠯ᠎ᠤᠨ ᠬᠠᠮᠢᠶᠠᠷᠤᠯᠲᠠ ᠵᠢ ᠳᠡᠮᠡᠶ ᠣᠶ᠋ᠢᠯᠠᠭ᠋ᠠᠬᠤ ᠦᠭᠡᠶ ᠪᠠᠢ᠌ᠨ᠎ᠠ᠂ ᠡᠢ᠌ᠮᠦ᠎ᠠᠴᠠ ᠲᠥᠷᠥ ᠵᠢᠨ ᠪᠣᠳᠣᠯᠭ᠎ᠠ ᠵᠢᠨ ᠬᠣᠯᠪᠣᠭᠳᠠᠯ ᠪᠦᠬᠦᠢ ᠪᠠᠶ᠋ᠢᠳᠠᠯ᠎ᠢ ᠨᠠᠷᠢᠨ ᠤᠢ᠌ᠯᠠᠭ᠋ᠠᠭᠤᠯᠬᠤ ᠵᠢᠨ ᠲᠤᠰᠠᠳᠠ᠂ ᠣᠶ᠋ᠢᠷ᠎ᠠ᠎ᠳᠤ ᠪᠢᠳᠡ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠤᠨ ᠳᠡᠳ᠋ ᠳᠠᠷᠤᠭ᠎ᠠ ᠵᠢᠶᠠ ᠶᠤᠸᠠᠢ ᠹᠸᠨᠭ᠎ᠢ 《ᠳᠤᠮᠳᠠᠳᠤ ᠤᠯᠤᠰ ᠥᠪᠥᠷ ᠮᠣᠩᠭᠣᠯ》 ᠰᠦᠯᠵᠢᠶᠡᠨ᠎ᠳᠤ ᠤᠷᠢᠵᠤ ᠥᠷᠭᠡᠨ ᠣᠯᠠᠨ ᠰᠦᠯᠵᠢᠶᠡᠨ ᠠᠨᠳᠠ ᠨᠡᠷ᠎ᠲᠤ ᠨᠠᠷᠢᠨ ᠲᠣᠳᠣᠷᠬᠠᠶ ᠲᠠᠶ᠋ᠢᠯᠪᠤᠷᠢᠯᠠᠯᠲᠠ ᠬᠢᠯᠬᠡᠬᠦ ᠪᠤᠯᠤᠨ᠎ᠠ᠃ ᠲᠤᠬᠠᠢ ᠵᠢᠨ ᠴᠠᠭ᠎ᠲᠤ᠂ ᠥᠷᠭᠡᠨ ᠣᠯᠠᠨ ᠰᠦᠯᠵᠢᠶᠡᠨ ᠠᠨᠳᠠ ᠨᠡᠷ ᠢᠳᠡᠪᠬᠢᠲᠡᠶ ᠣᠷᠣᠯᠴᠠᠬᠤ ᠵᠢ ᠪᠠᠶᠠᠷᠯᠠᠨ ᠤᠭᠲᠤᠵᠤ ᠪᠠᠶ᠋ᠢᠨ᠎ᠠ!
     [ᠬᠦᠲᠦᠯᠦᠭᠴᠢ]   ᠰᠦᠯᠵᠢᠶᠡᠨ ᠠᠨᠳᠠ ᠨᠠᠷ ᠡ᠂ ᠰᠠᠶ᠋ᠢᠨ ᠪᠠᠢ᠌ᠵᠠᠭ᠋ᠠᠨᠠᠤ? ᠲᠠ ᠪᠦᠬᠦᠨ᠎ᠤ ᠲᠤᠰ ᠬᠤᠭᠤᠴᠠᠭ᠋ᠠᠨ᠎ᠤ 《ᠳᠤᠮᠳᠠᠳᠤ ᠤᠯᠤᠰ ᠥᠪᠥᠷ ᠮᠣᠩᠭᠣᠯ》 ᠰᠦᠯᠵᠢᠶ᠎ᠠ ᠵᠢᠨ ᠰᠤᠷᠪᠤᠯᠵᠢᠯᠠᠨ ᠶᠠᠷᠢᠯᠴᠠᠬᠤ ᠫᠷᠤᠭ᠌ᠷᠠᠮ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠣᠶ᠋ᠢᠷ᠎ᠠ ᠵᠢᠨ ᠵᠢᠯ᠎ᠤᠳ᠎ᠲᠤ᠂ ᠲᠠᠷᠢᠶᠠᠯᠠᠩ ᠮᠠᠯ ᠠᠵᠤ ᠠᠬᠤᠶ ᠵᠢᠨ ᠪᠡᠯᠡ ᠣᠷᠣᠭᠤᠯᠤᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ ᠵᠢᠯ ᠳᠠᠷᠠᠭ᠋ᠠᠯᠠᠨ ᠨᠡᠮᠡᠭᠳᠡᠵᠦ ᠪᠠᠢ᠌ᠭ᠎ᠠ ᠪᠤᠯᠪᠠᠴᠤ ᠮᠠᠨ᠎ᠤ ᠣᠷᠣᠨ᠎ᠤ ᠥᠷᠭᠡᠨ ᠤᠯᠠᠨ ᠲᠠᠷᠢᠶᠠᠯᠠᠩ ᠮᠠᠯ ᠠᠵᠤ ᠠᠬᠤᠶ ᠵᠢᠨ ᠡᠵᠡᠩᠨᠡᠯᠲᠡ ᠵᠢᠨ ᠪᠡᠶᠡᠴᠢ ᠴᠣᠭᠴᠠ ᠪᠤᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠲᠠᠷᠢᠶᠠᠯᠠᠩ ᠮᠠᠯ ᠠᠵᠤ ᠠᠬᠤᠶ ᠵᠢᠨ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠪᠡᠯᠡ ᠣᠷᠣᠭᠤᠯᠤᠯᠲᠠ ᠵᠢᠨ ᠴᠢᠭᠯᠡᠯ᠂ ᠭᠤᠶᠤᠴᠢᠯᠠᠬᠤ ᠴᠤᠪᠤᠷᠠᠯ᠂ ᠭᠤᠶᠤᠴᠢᠯᠠᠬᠤ ᠨᠥᠬᠥᠴᠡᠯ ᠬᠢᠭᠡᠳ ᠲᠦᠷᠦᠯ ᠵᠦᠢ᠍ᠯ᠎ᠤᠨ ᠬᠠᠮᠢᠶᠠᠷᠤᠯᠲᠠ ᠵᠢ ᠳᠡᠮᠡᠶ ᠣᠶ᠋ᠢᠯᠠᠭ᠋ᠠᠬᠤ ᠦᠭᠡᠶ ᠪᠠᠢ᠌ᠨ᠎ᠠ᠂ ᠲᠥᠷᠥ ᠵᠢᠨ ᠪᠣᠳᠣᠯᠭ᠎ᠠ ᠵᠢᠨ ᠬᠣᠯᠪᠣᠭᠳᠠᠯ ᠪᠦᠬᠦᠢ ᠪᠠᠶ᠋ᠢᠳᠠᠯ᠎ᠢ ᠨᠠᠷᠢᠨ ᠤᠢ᠌ᠯᠠᠭ᠋ᠠᠭᠤᠯᠬᠤ ᠵᠢᠨ ᠲᠤᠰᠠᠳᠠ᠂ ᠦᠨᠦᠳᠦᠷ ᠪᠢᠳᠡ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠤᠨ ᠳᠡᠳ᠋ ᠳᠠᠷᠤᠭ᠎ᠠ ᠵᠢᠶᠠ ᠶᠤᠸᠠᠢ ᠹᠸᠨᠭ᠎ᠢ 《ᠳᠤᠮᠳᠠᠳᠤ ᠤᠯᠤᠰ ᠥᠪᠥᠷ ᠮᠣᠩᠭᠣᠯ》 ᠰᠦᠯᠵᠢᠶᠡᠨ᠎ᠳᠤ ᠤᠷᠢᠵᠤ ᠥᠷᠭᠡᠨ ᠣᠯᠠᠨ ᠰᠦᠯᠵᠢᠶᠡᠨ ᠠᠨᠳᠠ ᠨᠡᠷ᠎ᠲᠤ ᠨᠠᠷᠢᠨ ᠲᠣᠳᠣᠷᠬᠠᠶ ᠲᠠᠶ᠋ᠢᠯᠪᠤᠷᠢᠯᠠᠯᠲᠠ ᠬᠢᠯᠬᠡᠬᠦ ᠪᠤᠯᠤᠨ᠎ᠠ᠃ ᠵᠢᠶᠠ ᠳᠠᠷᠤᠭ᠎ᠠ ᠡ᠂ ᠲᠠᠨ᠎ᠢ ᠪᠠᠶᠠᠷᠯᠠᠨ ᠤᠭᠲᠤᠵᠤ ᠪᠠᠢ᠌ᠨ᠎ᠠ!
     [ᠵᠢᠶᠠ ᠶᠤᠸᠠᠢ ᠹᠸᠨᠭ] ᠬᠦᠲᠦᠯᠦᠭᠴᠢ ᠰᠠᠢ᠌ᠨ ᠤᠤ? ᠰᠦᠯᠵᠢᠶᠡᠨ᠎ᠤ ᠠᠨᠳᠠ ᠨᠠᠷ ᠰᠠᠢ᠌ᠨ ᠪᠠᠢ᠌ᠵᠠᠭ᠋ᠠᠨᠠᠤ? ᠡᠨᠳᠡ ᠲᠠ ᠪᠦᠬᠦᠨ᠎ᠲᠠᠢ ᠵᠤᠭᠤᠭᠳᠠᠬᠤ ᠪᠤᠯᠤᠭᠰᠠᠨ᠎ᠳᠠᠭᠠᠨ ᠮᠠᠰᠢ ᠪᠠᠶᠠᠷᠯᠠᠵᠤ ᠪᠠᠢ᠌ᠨ᠎ᠠ᠃ ᠲᠠ ᠪᠦᠬᠦᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠤᠨ ᠡᠯ᠎ᠡ ᠵᠦᠢ᠍ᠯ᠎ᠤᠨ ᠠᠵᠢᠯ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ᠎ᠳᠤ ᠲᠠᠯᠠᠷᠬᠠᠵᠤ ᠪᠠᠢ᠌ᠨ᠎ᠠ!
     [ᠬᠦᠲᠦᠯᠦᠭᠴᠢ]   ᠶᠠᠭᠤᠨ᠎ᠤ ᠡᠮᠦᠨ᠎ᠡ ᠲᠠ ᠤᠯᠤᠰ᠎ᠤᠨ ᠲᠠᠷᠢᠶᠠᠯᠠᠩ ᠮᠠᠯ ᠠᠵᠤ ᠠᠬᠤᠶ ᠵᠢᠨ ᠪᠡᠯᠡ ᠣᠷᠣᠭᠤᠯᠤᠯᠲᠠ ᠵᠢᠨ ᠭᠣᠣᠯ ᠬᠠᠨᠳᠤᠰᠢ ᠵᠢ ᠳᠦᠭᠦᠮ ᠲᠠᠨᠢᠯᠴᠠᠭᠤᠯᠤᠭ᠋ᠠᠳ ᠦᠭᠭᠦᠨ᠎ᠡ ᠤᠤ?
     [ᠵᠢᠶᠠ ᠶᠤᠸᠠᠢ ᠹᠸᠨᠭ] ᠣᠶ᠋ᠢᠷ᠎ᠠ ᠵᠢᠨ ᠬᠡᠳᠦᠨ ᠵᠢᠯ᠎ᠳᠤ ᠬᠠᠷᠢᠴᠠᠩᠭᠤᠶ᠎ᠪᠠᠷ ᠨᠡᠯᠢᠶᠡᠳ ᠲᠣᠭᠲᠠᠪᠤᠷᠢᠲᠠᠶ ᠲᠦᠷᠦᠯ ᠵᠦᠢ᠍ᠯ ᠭᠡᠪᠡᠯ ᠲᠠᠷᠢᠵᠦ ᠲᠡᠵᠢᠭᠡᠬᠦ ᠦᠢ᠍ᠯᠡᠰ᠎ᠤᠨ ᠰᠠᠶ᠋ᠢᠨ ᠡᠭᠦᠯᠳᠡᠷ᠎ᠤᠨ ᠢᠨᠵᠧᠨᠧᠷᠢᠩ᠂ ᠬᠥᠳᠡᠭᠡ ᠲᠣᠰᠬᠣᠨ᠎ᠤ ᠲᠣᠮᠣ ᠬᠡᠯᠪᠡᠷᠢ ᠵᠢᠨ ᠨᠠᠮᠤᠭ᠎ᠤᠨ ᠬᠡᠢ᠂ ᠵᠢᠭ᠋ᠠᠰᠤᠨ᠎ᠤ ᠶᠠᠪᠤᠳᠠᠯ᠎ᠤᠨ ᠭᠠᠷᠠᠮ᠂ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠶᠤᠯ ᠦᠬᠡᠢ ᠵᠢᠨ ᠰᠢᠯᠭ᠋ᠠᠨ ᠪᠠᠶ᠋ᠢᠴᠠᠭ᠋ᠠᠵᠤ ᠰᠢᠯᠭ᠋ᠠᠨ ᠬᠡᠮᠵᠢᠬᠦ ᠰᠢᠰᠲᠸᠮᠵᠢ᠂ ᠬᠥᠳᠡᠭᠡ ᠠᠵᠤ ᠠᠬᠤᠶ ᠵᠢᠨ ᠶᠠᠮᠤᠨ᠎ᠤ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠂ ᠦᠨᠢᠶ᠎ᠡ᠂ ᠢᠳᠡᠰᠢᠨ ᠬᠣᠨᠢ᠂ ᠲᠡᠵᠢᠭᠡᠪᠦᠷᠢ ᠭᠠᠬᠠᠶ ᠵᠢᠨ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠶ (ᠵᠢᠵᠢᠭ ᠲᠣᠭᠣᠷᠢᠭ)᠂ ᠮᠢᠩᠭ᠋ᠠᠨ ᠳ᠋ᠦᠩᠰᠢᠭᠤᠷ ᠵᠢᠩ ᠠᠮᠤ ᠪᠤᠳᠠᠭ᠋ᠠᠨ᠎ᠤ ᠬᠤᠷᠢᠶᠠᠯᠲᠠ ᠵᠢ ᠨᠡᠮᠡᠭᠳᠡᠭᠦᠯᠬᠦ ᠢᠨᠵᠧᠨᠧᠷᠢᠩ᠂ ᠮᠠᠯᠵᠢᠬᠤ ᠵᠢ ᠵᠣᠭᠰᠣᠭ᠋ᠠᠵᠤ ᠡᠪᠡᠰᠦ ᠪᠡᠯᠴᠢᠭᠡᠷ᠎ᠢ ᠰᠡᠷᠭᠦᠭᠡᠬᠦ ᠢᠨᠵᠸᠨ᠋ᠸᠷᠢᠨᠭ᠎ᠤᠨ ᠲᠦᠷᠦᠯ ᠵᠦᠢ᠍ᠯ ᠵᠢᠴᠢ ᠰᠠᠯᠠᠭ᠎ᠠ ᠮᠥᠴᠢᠷ᠎ᠤᠨ ᠲᠠᠷᠢᠶᠠᠯᠠᠩ᠎ᠤᠨ ᠶᠡᠷᠦᠩᠬᠡᠶ᠋ᠢᠯᠡᠨ ᠨᠡᠭᠡᠭᠡᠨ ᠬᠥᠭᠵᠢᠭᠦᠯᠬᠦ ᠲᠦᠷᠦᠯ ᠵᠦᠢ᠍ᠯ ᠵᠡᠷᠭᠡ ᠪᠠᠢ᠌ᠨ᠎ᠠ᠃
     [ᠬᠦᠲᠦᠯᠦᠭᠴᠢ]   ᠲᠠᠷᠢᠶᠠᠯᠠᠩ ᠮᠠᠯ ᠠᠵᠤ ᠠᠬᠤᠶ ᠵᠢᠨ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠬᠡᠷᠬᠢᠨ ᠭᠤᠶᠤᠴᠢᠯᠠᠬᠤ ᠪᠤᠶ?
     [ᠵᠢᠶᠠ ᠶᠤᠸᠠᠢ ᠹᠸᠨᠭ] ᠤᠯᠤᠰ᠎ᠤᠨ ᠲᠠᠷᠢᠶᠠᠯᠠᠩ ᠮᠠᠯ ᠠᠵᠤ ᠠᠬᠤᠶ ᠵᠢᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢᠨ ᠲᠦᠷᠦᠯ ᠵᠦᠢ᠍ᠯ᠎ᠢ ᠭᠤᠶᠤᠴᠢᠯᠠᠬᠤ᠎ᠳᠤ ᠭᠤᠷᠪᠠᠨ ᠲᠦᠷᠦᠯ ᠬᠤᠪᠢᠶᠠᠳᠠᠭ᠄ ᠨᠢᠭᠡᠳᠦᠭᠡᠷ ᠲᠦᠷᠦᠯ᠎ᠨᠢ ᠠᠶ᠋ᠢᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ ᠪᠤᠯᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠎ᠨᠢ ᠵᠤᠬᠢᠴᠠᠨᠭ᠌ᠭᠤᠢ ᠲᠥᠯᠥᠪᠵᠢᠭᠦᠯᠭᠡ ᠵᠢᠴᠢ ᠭᠤᠶᠤᠴᠢᠯᠠᠬᠤ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠲᠦᠷᠦᠯ ᠵᠦᠢ᠍ᠯ᠎ᠢ ᠬᠢᠨᠠᠨ ᠪᠠᠶ᠋ᠢᠴᠠᠭ᠋ᠠᠵᠤ ᠨᠤᠲᠠᠯᠠᠯᠲᠠ ᠬᠢᠬᠦ ᠵᠥᠪᠰᠢᠶᠡᠷᠡᠬᠦ ᠪᠠ ᠪᠡᠯᠡ ᠣᠷᠣᠭᠤᠯᠤᠯᠲᠠ ᠵᠢᠨ ᠲᠥᠯᠥᠪᠯᠡᠭᠡ ᠵᠢᠨ ᠰᠠᠨᠠᠭᠤᠯᠭ᠎ᠠ ᠨᠠᠶ᠋ᠢᠷᠠᠭᠤᠯᠤᠨ ᠵᠣᠬᠢᠶᠠᠬᠤ ᠵᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ ᠪᠣᠯᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠎ᠳᠤ ᠮᠡᠳᠡᠭᠦᠯᠦᠨ ᠬᠢᠨᠠᠨ ᠪᠠᠢ᠌ᠴᠠᠭ᠋ᠠᠯᠭ᠋ᠠᠭᠰᠠᠨ᠎ᠤ ᠰᠡᠭᠦᠯᠡᠷ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ ᠪᠣᠯᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ ᠬᠠᠮᠲᠤᠷᠠᠨ ᠲᠠᠷᠢᠶᠠᠯᠠᠩ᠎ᠤᠨ ᠶᠠᠮᠤᠨ ᠪᠣᠯᠤᠨ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠎ᠳᠤ ᠪᠡᠯᠡ ᠣᠷᠣᠭᠤᠯᠤᠯᠲᠠ ᠵᠢᠨ ᠲᠥᠯᠥᠪᠯᠡᠭᠡ ᠵᠢᠨ ᠰᠠᠨᠠᠭᠤᠯᠭ᠎ᠠ᠎ᠪᠠᠨ ᠭᠤᠶᠤᠴᠢᠯᠠᠨ ᠮᠡᠳᠡᠭᠦᠯᠦᠨ᠎ᠡ᠃ ᠬᠣᠶᠠᠳᠤᠭ᠋ᠠᠷ ᠲᠥᠷᠥᠯ᠎ᠨᠢ ᠰᠠᠯᠠᠭ᠎ᠠ ᠮᠥᠴᠢᠷ᠎ᠤᠨ ᠲᠠᠷᠢᠶᠠᠯᠠᠩ᠎ᠤᠨ ᠶᠡᠷᠦᠩᠬᠡᠶ᠋ᠢᠯᠡᠨ ᠨᠡᠭᠡᠭᠡᠨ ᠬᠦᠭᠵᠢᠬᠦᠯᠬᠦ ᠲᠦᠷᠦᠯ ᠵᠦᠢ᠍ᠯ᠎ᠢ ᠠᠶ᠋ᠢᠮᠠᠭ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ ᠪᠤᠯᠤᠨ ᠲᠠᠷᠢᠶᠠᠯᠠᠩ᠎ᠤᠨ ᠶᠡᠷᠦᠩᠬᠡᠶ᠋ᠢᠯᠡᠨ ᠨᠡᠭᠡᠭᠡᠨ ᠬᠥᠭᠵᠢᠭᠦᠯᠬᠦ ᠠᠯᠪᠠᠨ ᠭᠡᠷ᠎ᠨᠢ ᠤᠯᠤᠰ᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ ᠪᠤᠯᠤᠨ ᠲᠠᠷᠢᠶᠠᠯᠠᠩ᠎ᠤᠨ ᠶᠡᠷᠦᠩᠬᠡᠶ᠋ᠢᠯᠡᠨ ᠨᠡᠭᠡᠭᠡᠨ ᠬᠥᠭᠵᠢᠭᠦᠯᠬᠦ ᠠᠯᠪᠠᠨ ᠭᠡᠷ᠎ᠲᠤ ᠮᠡᠳᠡᠭᠦᠯᠦᠨ ᠬᠦᠷᠭᠡᠵᠦ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ ᠪᠤᠯᠤᠨ ᠨᠡᠭᠡᠭᠡᠨ ᠬᠥᠭᠵᠢᠭᠦᠯᠬᠦ ᠠᠯᠪᠠᠨ ᠭᠡᠷ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠲᠦᠷᠦᠯ ᠵᠦᠢ᠍ᠯ᠎ᠢ ᠬᠢᠨᠠᠨ ᠰᠢᠯᠭ᠋ᠠᠵᠤ᠂ ᠪᠠᠢ᠌ᠴᠠᠭ᠋ᠠᠭᠰᠠᠨ᠎ᠤ ᠳᠠᠷᠠᠭ᠎ᠠ᠂ ᠬᠦᠳᠡᠭᠡ ᠠᠵᠤ ᠠᠬᠤᠢ ᠵᠢᠨ ᠶᠠᠮᠤᠨ ᠪᠣᠯᠤᠨ ᠤᠯᠤᠰ᠎ᠤᠨ ᠨᠡᠭᠡᠭᠡᠨ ᠬᠥᠭᠵᠢᠭᠦᠯᠬᠦ ᠠᠯᠪᠠᠨ ᠭᠡᠷ᠎ᠲᠤ ᠮᠡᠳᠡᠭᠦᠯᠦᠨ ᠬᠦᠷᠭᠡᠭᠡᠨ᠎ᠡ᠃ ᠭᠤᠷᠪᠠᠳᠤᠭ᠋ᠠᠷ ᠲᠥᠷᠥᠯ᠎ᠨᠢ ᠬᠦᠳᠡᠭᠡ ᠠᠵᠤ ᠠᠬᠤᠢ ᠵᠢᠨ ᠶᠠᠮᠤᠨ᠎ᠠᠴᠠ ᠪᠦᠲᠦᠭᠡᠨ   ᠪᠠᠢ᠌ᠭᠤᠯᠬᠤ ᠵᠢ ᠵᠥᠪᠰᠢᠶᠡᠷᠡᠭᠰᠡᠨ ᠨᠡᠶ᠋ᠢᠲᠡ ᠵᠢᠨ ᠠᠰᠠᠷᠠᠮᠵᠢ ᠵᠢᠨ ᠲᠥᠷᠥᠯ᠎ᠤᠨ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠂ ᠵᠢᠱ᠌ᠢᠶᠡᠯᠡᠪᠡᠯ ᠲᠠᠷᠢᠵᠦ ᠲᠡᠵᠢᠭᠡᠬᠦ ᠦᠢ᠍ᠯᠡᠰ᠎ᠤᠨ ᠰᠠᠶ᠋ᠢᠨ ᠡᠭᠦᠯᠳᠡᠷ᠎ᠤᠨ ᠢᠨᠵᠧᠨᠧᠷᠢᠩ᠂ ᠵᠢᠭ᠋ᠠᠰᠤᠨ᠎ᠤ ᠶᠠᠪᠤᠳᠠᠯ᠎ᠤᠨ ᠭᠠᠷᠠᠮ᠂ ᠬᠦᠳᠡᠭᠡ ᠠᠵᠤ ᠠᠬᠤᠢ ᠵᠢᠨ ᠶᠠᠮᠤᠨ᠎ᠤ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ ᠵᠡᠷᠭᠡ ᠲᠦᠷᠦᠯ ᠵᠦᠢ᠍ᠯ᠎ᠢ ᠪᠤᠯ ᠠᠶ᠋ᠢᠮᠠᠭ ᠬᠣᠲᠠ ᠪᠤᠶᠤ ᠰᠢᠭᠤᠳ ᠬᠠᠷᠢᠶ᠎ᠠ ᠨᠢᠭᠡᠴᠡ᠎ᠨᠢ ᠲᠦᠷᠦᠯ ᠵᠦᠢ᠍ᠯ᠎ᠤᠨ ᠭᠤᠶᠤᠴᠢᠯᠠᠨ ᠮᠡᠳᠡᠭᠦᠯᠬᠦ ᠮᠠᠲᠸᠷᠢᠶᠠᠯ᠎ᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠳᠤ ᠮᠡᠳᠡᠭᠦᠯᠦᠨ ᠬᠦᠷᠭᠡᠵᠤ᠂ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠨᠢ ᠤᠯᠤᠰ᠎ᠤᠨ ᠬᠥᠳᠡᠭᠡ ᠠᠵᠤ ᠠᠬᠤᠶ ᠵᠢᠨ ᠶᠠᠮᠤᠨ᠎ᠳᠤ ᠮᠡᠳᠡᠭᠦᠯᠦᠨ᠎ᠡ᠃
     [ᠬᠦᠲᠦᠯᠦᠭᠴᠢ]   ᠶᠠᠮᠠᠷ ᠨᠥᠬᠥᠴᠡᠯ᠎ᠢ ᠪᠦᠷᠢᠯᠳᠦᠭᠦᠯᠪᠡᠯ ᠰᠠᠶᠢ ᠭᠤᠶᠤᠴᠢᠯᠠᠵᠤ ᠪᠤᠯᠬᠤ ᠪᠤᠶ?
     [ᠵᠢᠶᠠ ᠶᠤᠸᠠᠢ ᠹᠸᠨᠭ] ᠶᠡᠷᠦ᠎ᠳᠡᠭᠡᠨ ᠲᠦᠷᠦᠯ ᠵᠦᠢ᠍ᠯ ᠭᠤᠶᠤᠴᠢᠯᠠᠬᠤ ᠵᠦᠭᠯᠡᠭᠦᠷ ᠪᠤᠶᠤ ᠲᠣᠬᠢᠷᠠᠭᠤᠯᠬᠤ ᠰᠠᠨᠠᠯ᠎ᠳᠤ ᠶᠠᠮᠠᠷ ᠨᠥᠬᠥᠴᠡᠯ᠎ᠢ ᠪᠦᠷᠢᠯᠳᠦᠭᠦᠯᠪᠡᠯ ᠰᠠᠶᠢ ᠲᠦᠷᠦᠯ ᠵᠦᠢ᠍ᠯ᠎ᠢ ᠭᠤᠶᠤᠴᠢᠯᠠᠵᠤ ᠪᠤᠯᠬᠤ᠂ ᠲᠦᠷᠦᠯ ᠵᠦᠢ᠍ᠯ᠎ᠤᠨ ᠪᠣᠳᠠᠲᠠᠶ ᠪᠦᠲᠦᠭᠡᠨ ᠪᠠᠶ᠋ᠢᠭᠤᠯᠤᠯᠲᠠ ᠵᠢᠨ ᠠᠭᠤᠯᠭ᠎ᠠ᠂ ᠪᠡᠯᠡ ᠣᠷᠣᠭᠤᠯᠤᠯᠲᠠ ᠵᠢᠨ ᠬᠢᠵᠠᠭ᠋ᠠᠷᠯᠠᠬᠤ ᠬᠡᠪᠴᠢᠶ᠎ᠡ ᠵᠡᠷᠭᠡ ᠵᠢ ᠨᠠᠷᠢᠨ ᠲᠤᠲᠤᠷᠬᠠᠢ᠌ᠯᠠᠭᠰᠠᠨ ᠪᠠᠢ᠌ᠳᠠᠭ᠃ ᠲᠦᠷᠦᠯ ᠵᠦᠢ᠍ᠯ   ᠭᠤᠶᠤᠴᠢᠯᠠᠬᠤ ᠦᠨᠳᠦᠰᠦᠨ ᠱᠠᠭ᠋ᠠᠷᠳᠠᠯᠭ᠎ᠠ ᠪᠣᠯ᠄ ᠨᠢᠭᠡ᠎ᠳᠤ ᠪᠦᠲᠦᠭᠡᠨ ᠪᠠᠶ᠋ᠢᠭᠤᠯᠤᠯᠲᠠ ᠵᠢᠨ ᠳᠡᠰ ᠳᠠᠷᠠᠭ᠋ᠠᠯᠠᠯ᠎ᠤᠨ ᠱᠠᠭ᠋ᠠᠷᠳᠠᠯᠭ᠎ᠠ ᠶᠣᠰᠣᠭ᠋ᠠᠷ ᠲᠦᠷᠦᠯ ᠵᠦᠢ᠍ᠯ᠎ᠢ ᠵᠣᠬᠢᠶᠠᠨ ᠪᠠᠢ᠌ᠭᠤᠯᠵᠤ ᠭᠤᠶᠤᠴᠢᠯᠠᠨ᠎ᠠ᠃ 《ᠲᠠᠷᠢᠶᠠᠯᠠᠩ᠎ᠤᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ》᠂ 《ᠲᠠᠷᠢᠶᠠᠯᠠᠩ᠎ᠤᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠭᠤᠶᠤᠴᠢᠯᠠᠯ᠎ᠢ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠳᠦᠷᠢᠮ》᠂ 《ᠲᠠᠷᠢᠶᠠᠯᠠᠩ᠎ᠤᠨ ᠶᠡᠷᠦᠩᠬᠡᠶ᠋ᠢᠯᠡᠨ ᠨᠡᠭᠡᠭᠡᠨ ᠬᠦᠭᠵᠢᠬᠦᠯᠬᠦ ᠰᠠᠯᠠᠭ᠎ᠠ ᠮᠥᠴᠢᠷ᠎ᠤᠨ ᠲᠦᠷᠦᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ》 ᠵᠢᠴᠢ 《ᠲᠠᠷᠢᠶᠠᠯᠠᠩ᠎ᠤᠨ ᠪᠡᠯᠡ ᠣᠷᠣᠭᠤᠯᠤᠯᠲᠠ ᠵᠢᠨ ᠲᠦᠷᠦᠯ ᠵᠦᠢ᠍ᠯ᠎ᠤᠨ ᠪᠤᠯᠤᠮᠵᠢᠲᠤ ᠰᠤᠳᠤᠯᠭ᠋ᠠᠨ᠎ᠤ ᠮᠡᠳᠡᠭᠦᠯᠦᠯᠲᠡ ᠵᠢᠨ ᠡᠩ᠎ᠤᠨ ᠬᠡᠯᠪᠡᠷᠢ ᠬᠢᠭᠡᠳ ᠱᠠᠭ᠋ᠠᠷᠳᠠᠯᠭ᠎ᠠ》 ᠵᠢ ᠴᠢᠨᠭᠭ᠎ᠠ ᠵᠢᠷᠤᠮᠯᠠᠨ ᠲᠦᠷᠦᠯ ᠵᠦᠢ᠍ᠯ᠎ᠤᠨ ᠭᠤᠶᠤᠴᠢᠯᠠᠯ᠎ᠢ ᠵᠣᠬᠢᠶᠠᠨ ᠪᠠᠢ᠌ᠭᠤᠯᠬᠤ ᠬᠡᠷᠡᠭᠲᠡᠶ᠃ ᠡᠩ᠎ᠤᠨ ᠲᠦᠷᠦᠯ ᠵᠦᠢ᠍ᠯ ᠪᠤᠯ ᠲᠦᠷᠦᠯ ᠵᠦᠢ᠍ᠯ᠎ᠤᠨ ᠪᠤᠯᠤᠮᠵᠢᠲᠤ ᠰᠤᠳᠤᠯᠭ᠋ᠠᠨ᠎ᠤ ᠮᠡᠳᠡᠭᠦᠯᠦᠯᠲᠡ᠎ᠳᠤ ᠰᠢᠭᠤᠳ ᠨᠠᠶ᠋ᠢᠷᠠᠭᠤᠯᠤᠨ ᠮᠡᠳᠡᠭᠦᠯᠵᠤ ᠪᠣᠯᠤᠨ᠎ᠠ᠃ ᠲᠦᠷᠦᠯ ᠵᠦᠢ᠍ᠯ᠎ᠤᠨ ᠪᠤᠯᠤᠮᠵᠢᠲᠤ ᠰᠤᠳᠤᠯᠭ᠋ᠠᠨ᠎ᠤ ᠮᠡᠳᠡᠭᠦᠯᠦᠯᠲᠡ ᠵᠢ ᠵᠠᠷᠴᠢᠮ ᠳᠡᠭᠡᠷ᠎ᠡ᠎ᠪᠠᠨ ᠲᠠᠷᠢᠶᠠᠯᠠᠩ᠎ᠤᠨ ᠢᠨᠵᠸᠨ᠋ᠸᠷᠢᠨᠭ᠎ᠤᠨ ᠬᠢᠷᠢ ᠭᠡᠮ᠎ᠲᠠᠢ ᠬᠠᠶ᠋ᠢᠨ ᠪᠠᠶ᠋ᠢᠴᠠᠭ᠋ᠠᠬᠤ ᠵᠢᠷᠤᠵᠤ ᠲᠦᠯᠦᠪᠯᠡᠬᠦ᠂ ᠪᠠᠷᠢᠯᠭ᠎ᠠ ᠵᠢᠨ ᠵᠥᠪᠯᠡᠯᠭᠡ ᠥᠭᠬᠦ ᠨᠢᠭᠡᠴᠡ ᠨᠠᠢ᠌ᠷᠠᠭᠤᠯᠤᠨ ᠪᠢᠴᠢᠵᠤ᠂ ᠵᠤᠬᠢᠴᠠᠨᠭ᠌ᠭᠤᠢ ᠬᠦᠨᠴᠡ ᠵᠢᠨ ᠱᠠᠭ᠋ᠠᠷᠳᠠᠯᠭ᠎ᠠ᠎ᠳᠤ ᠬᠦᠷᠦᠭᠦᠯᠬᠦ ᠬᠡᠷᠡᠭᠲᠠᠢ᠃ ᠬᠣᠶᠠᠷ᠎ᠲᠤ ᠭᠤᠶᠤᠴᠢᠯᠠᠬᠤ ᠲᠦᠷᠦᠯ ᠵᠦᠢ᠍ᠯ᠎ᠨᠢ ᠬᠣᠯᠪᠣᠭᠳᠠᠯ ᠪᠦᠬᠦᠢ ᠡᠮᠦᠨᠡᠬᠢ ᠬᠤᠭᠤᠴᠠᠭ᠋ᠠᠨ᠎ᠤ ᠠᠵᠢᠯ᠎ᠢ ᠪᠡᠶᠡᠯᠡᠭᠦᠯᠦᠭᠰᠡᠨ ᠪᠠᠢ᠌ᠬᠤ ᠬᠡᠷᠡᠭᠲᠡᠶ᠃ ᠵᠢᠱ᠌ᠢᠶᠡᠯᠡᠪᠡᠯ ᠲᠦᠷᠦᠯ ᠵᠦᠢ᠍ᠯ᠎ᠤᠨ ᠨᠢᠭᠡᠴᠡ᠎ᠨᠢ ᠲᠦᠷᠦᠯ ᠵᠦᠢ᠍ᠯ ᠡᠭᠦᠷᠭᠡᠯᠡᠬᠦ ᠬᠣᠯᠪᠣᠭᠳᠠᠯ ᠪᠦᠬᠦᠢ ᠨᠥᠬᠥᠴᠡᠯ᠎ᠢ ᠪᠦᠷᠢᠯᠳᠦᠭᠦᠯᠵᠤ᠂ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠨᠢᠭᠡᠨᠲᠡ ᠨᠠᠶ᠋ᠢᠳᠠᠪᠤᠷᠢᠵᠢᠭᠤᠯᠵᠤ᠂ ᠲᠦᠷᠦᠯ ᠵᠦᠢ᠍ᠯ᠎ᠤᠨ ᠪᠡᠶᠡᠯᠡᠯᠲᠡ ᠵᠢ ᠲᠦᠯᠦᠪᠵᠢᠭᠦᠯᠦᠨ ᠮᠡᠳᠡᠭᠦᠯᠵᠤ᠂ ᠣᠷᠴᠢᠨ ᠲᠣᠭᠣᠷᠢᠨ᠎ᠤ ᠦᠨᠡᠯᠡᠯᠲᠡ ᠬᠢᠯᠭᠡᠵᠤ᠂ ᠳᠠᠭ᠋ᠠᠭ᠋ᠠᠴᠢᠯᠠᠯᠲᠠ ᠵᠠᠷᠯᠠᠬᠤ ᠲᠦᠰᠦᠯ ᠵᠢᠴᠢ ᠢᠵᠢ ᠪᠦᠷᠢᠳᠦᠭᠦᠯᠦᠯ᠎ᠤᠨ ᠪᠡᠯᠡ ᠮᠥᠩᠭᠥ ᠵᠢ ᠨᠠᠢ᠌ᠳᠠᠪᠤᠷᠢᠵᠢᠭᠤᠯᠤᠭᠰᠠᠨ ᠪᠠᠢ᠌ᠬᠤ ᠬᠡᠷᠡᠭᠲᠠᠢ᠃
     [ᠬᠦᠲᠦᠯᠦᠭᠴᠢ] ᠲᠠᠷᠢᠶᠠᠯᠠᠩ ᠮᠠᠯ ᠠᠵᠤ ᠠᠬᠤᠶ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠡᠷᠬᠢᠨ ᠰᠠᠶ᠋ᠢᠲᠤᠷ ᠬᠠᠮᠢᠶᠠᠷᠬᠤ ᠪᠤᠶ?
     [ᠵᠢᠶᠠ ᠶᠤᠸᠠᠢ ᠹᠸᠩ] ᠮᠢᠨᠦ ᠦᠵᠡᠬᠦ᠎ᠪᠠᠷ ᠲᠥᠷᠥᠯ ᠵᠦᠢ᠍ᠯ᠎ᠢ ᠰᠠᠢ᠌ᠳᠤᠷ ᠬᠠᠮᠢᠶᠠᠷᠬᠤ᠎ᠳᠤ ᠳᠣᠣᠷᠠᠬᠢ ᠮᠡᠲᠦ ᠬᠡᠳᠦᠨ ᠲᠠᠯ᠎ᠠ ᠵᠢ ᠴᠢᠬᠤᠯᠠᠴᠢᠯᠠᠬᠤ ᠬᠡᠷᠡᠭᠲᠡᠢ᠄ ᠨᠢᠭᠡ᠎ᠳᠤ ᠲᠠᠷᠢᠶᠠᠯᠠᠩ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠳᠦᠷᠢᠮ ᠲᠣᠭᠲᠠᠭ᠋ᠠᠯ ᠵᠶ᠋ᠡᠷ ᠲᠥᠷᠥᠯ ᠵᠦᠢ᠍ᠯ᠎ᠢ ᠬᠠᠮᠢᠶᠠᠷᠤᠨ᠎ᠠ᠃ ᠵᠢᠱ᠌ᠢᠶᠡᠯᠡᠪᠡᠯ ᠲᠠᠷᠢᠶᠠᠯᠠᠩ᠎ᠤᠨ ᠶᠠᠮᠤᠨ᠎ᠤ 《ᠲᠠᠷᠢᠶᠠᠯᠠᠩ᠎ᠤᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ》᠂ ᠬᠢᠭᠡᠳ ᠲᠥᠬᠥᠷᠵᠢᠭᠰᠡᠨ 《ᠲᠠᠷᠢᠶᠠᠯᠠᠩ᠎ᠤᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠬᠤ ᠪᠠ ᠳᠠᠭ᠋ᠠᠭ᠋ᠠᠴᠢᠯᠠᠯᠲᠠ ᠬᠦᠯᠢᠶᠡᠬᠦ ᠬᠠᠮᠢᠶᠠᠷᠤᠯᠲᠠ ᠵᠢᠨ ᠲᠣᠭᠲᠠᠭ᠋ᠠᠯ》᠂ 《ᠲᠠᠷᠢᠶᠠᠯᠠᠩ᠎ᠤᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠠᠷᠢᠯᠭ᠎ᠠ ᠵᠢᠨ ᠠᠵᠢᠯ ᠳᠠᠭᠤᠰᠴᠤ ᠰᠢᠯᠭ᠋ᠠᠨ ᠠᠪᠬᠤ ᠬᠠᠮᠢᠶᠠᠷᠤᠯᠲᠠ ᠵᠢᠨ ᠲᠣᠭᠲᠠᠭ᠋ᠠᠯ》᠂ 《ᠲᠠᠷᠢᠶᠠᠯᠠᠩ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠢᠨᠠᠯᠲᠠ ᠲᠠᠯᠪᠢᠵᠤ ᠪᠠᠶ᠋ᠢᠴᠠᠭ᠋ᠠᠬᠤ ᠬᠠᠮᠢᠶᠠᠷᠤᠯᠲᠠ ᠵᠢᠨ ᠲᠣᠭᠲᠠᠭ᠋ᠠᠯ》 ᠵᠡᠷᠭᠡ ᠪᠣᠯᠣᠨ᠎ᠠ᠃
      ᠬᠣᠶᠠᠷ᠎ᠳᠤ ᠪᠦᠲᠦᠭᠡᠨ ᠪᠠᠶ᠋ᠢᠭᠤᠯᠤᠯᠲᠠ ᠵᠢᠨ ᠳᠡᠰ ᠳᠠᠷᠠᠭ᠋ᠠᠯᠠᠯ ᠵᠶ᠋ᠡᠷ ᠲᠥᠷᠥᠯ ᠵᠦᠢ᠍ᠯ᠎ᠢ ᠬᠠᠮᠢᠶᠠᠷᠤᠨ᠎ᠠ᠃ ᠪᠦᠲᠦᠭᠡᠨ ᠪᠠᠶ᠋ᠢᠭᠤᠯᠤᠯᠲᠠ ᠵᠢᠨ ᠳᠡᠰ ᠳᠠᠷᠠᠭ᠋ᠠᠯᠠᠯ ᠪᠣᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠳᠤᠷᠠᠳᠤᠨ ᠭᠠᠷᠭ᠋ᠠᠬᠤ᠂   ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠠᠴᠠ ᠬᠡᠷᠡᠭᠵᠢᠭᠦᠯᠬᠦ ᠬᠦᠷᠲᠡᠯᠡᠬᠢ ᠪᠦᠬᠦ ᠶᠠᠪᠤᠴᠠ᠎ᠳᠤ ᠡᠷᠬᠡᠪᠰᠢ ᠵᠢᠷᠤᠮᠯᠠᠬᠤ ᠦᠨᠳᠦᠰᠦᠨ ᠠᠵᠢᠯ᠎ᠤᠨ ᠳᠡᠰ ᠳᠠᠷᠠᠭ᠋ᠠᠯᠠᠯ ᠪᠠ ᠤᠷᠢᠳ ᠬᠣᠵᠢᠳ᠎ᠤᠨ ᠳᠡᠰ ᠳᠠᠷᠠᠭ᠋ᠠᠯᠠᠯ ᠪᠣᠯᠣᠨ᠎ᠠ᠃ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠳᠡᠰ ᠳᠠᠷᠠᠭ᠋ᠠᠯᠠᠯ᠎ᠨᠢ ᠪᠣᠯ ᠲᠥᠷᠥᠯ ᠵᠦᠢ᠍ᠯ᠎ᠤᠨ ᠰᠠᠨᠠᠭᠤᠯᠭ᠎ᠠ ᠵᠢᠨ ᠪᠢᠴᠢᠭ᠂ ᠪᠣᠯᠣᠮᠵᠢᠲᠤ ᠰᠤᠳᠤᠯᠤᠯ᠂ ᠠᠩᠬᠠᠨ᠎ᠤ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ ᠪᠡᠯᠡᠳᠬᠡᠯ᠂ ᠪᠦᠲᠦᠭᠡᠨ ᠪᠠᠶ᠋ᠢᠭᠤᠯᠤᠯᠲᠠ ᠵᠢ ᠬᠡᠷᠡᠭᠵᠢᠭᠦᠯᠬᠦ᠂ ᠠᠵᠢᠯ ᠳᠠᠭᠤᠰᠴᠤ ᠪᠠᠷᠢᠯᠭ᠎ᠠ ᠵᠢ ᠰᠢᠯᠭ᠋ᠠᠨ ᠠᠪᠬᠤ᠂ ᠳᠠᠷᠠᠭ᠎ᠠ᠎ᠪᠠᠷ᠎ᠨᠢ ᠦᠨᠡᠯᠡᠬᠦ ᠵᠡᠷᠭᠡ ᠪᠣᠯᠣᠨ᠎ᠠ᠃ ᠳᠡᠰ ᠳᠠᠷᠠᠭ᠋ᠠᠯᠠᠯ᠎ᠢ ᠵᠣᠬᠢᠰᠲᠠᠶ᠎ᠪᠠᠷ ᠨᠡᠢ᠌ᠯᠡᠭᠦᠯᠬᠦ ᠪᠤᠶᠤ ᠳᠥᠭᠥᠮᠴᠢᠯᠡᠨ᠂ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠠᠬᠢᠴᠠ ᠵᠢ᠎ᠨᠢ ᠲᠦᠷᠭᠡᠳᠬᠡᠵᠦ ᠪᠣᠯᠣᠨ᠎ᠠ᠃
      ᠭᠤᠷᠪᠠ᠎ᠳᠤ ᠲᠥᠷᠥᠯ ᠵᠦᠢ᠍ᠯ᠎ᠤᠨ ᠴᠣᠬᠣᠯᠠᠪᠤᠷᠢ ᠪᠢᠴᠢᠭ ᠮᠠᠲ᠋ᠧᠷᠢᠶᠠᠯ᠎ᠢ ᠦᠨᠳᠦᠰᠦᠯᠡᠨ ᠲᠥᠷᠥᠯ ᠵᠦᠢ᠍ᠯ᠎ᠢ ᠬᠠᠮᠢᠶᠠᠷᠤᠨ᠎ᠠ᠃ ᠲᠥᠷᠥᠯ ᠵᠦᠢ᠍ᠯ᠎ᠤᠨ ᠪᠣᠯᠣᠮᠵᠢᠲᠤ ᠰᠤᠳᠤᠯᠤᠯ᠎ᠤᠨ ᠮᠡᠳᠡᠭᠦᠯᠦᠯᠲᠡ᠂ ᠠᠩᠬ᠎ᠠ ᠠᠯᠬᠤᠮ᠎ᠤᠨ ᠵᠢᠷᠤᠭ ᠲᠥᠯᠥᠪᠯᠡᠭᠡ᠂ ᠳᠠᠭ᠋ᠠᠭ᠋ᠠᠴᠢᠯᠠᠯᠲᠠ ᠵᠠᠷᠯᠠᠬᠤ ᠲᠥᠰᠦᠯ ᠵᠡᠷᠭᠡ ᠲᠠᠯ᠎ᠠ᠎ᠪᠠᠷ᠎ᠬᠢ ᠴᠣᠬᠣᠯᠠᠪᠤᠷᠢ ᠪᠢᠴᠢᠭ ᠮᠠᠲ᠋ᠧᠷᠢᠶᠠᠯ ᠪᠣᠯ ᠳᠠᠷᠤᠶ ᠮᠠᠨ᠎ᠤ ᠬᠡᠷᠡᠭᠵᠢᠭᠦᠯᠬᠦ ᠪᠠ ᠲᠥᠷᠥᠯ ᠵᠦᠢ᠍ᠯ᠎ᠤᠨ ᠦᠨᠳᠦᠰᠦᠨ ᠪᠠᠷᠢᠮᠲᠠ ᠪᠣᠯᠤᠨ᠎ᠠ᠃
      ᠳᠥᠷᠪᠡ᠎ᠳᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ᠎ᠪᠠᠷ ᠲᠥᠷᠥᠯ ᠵᠦᠢ᠍ᠯ᠎ᠢ ᠬᠠᠮᠢᠶᠠᠷᠤᠨ᠎ᠠ᠃ ᠬᠠᠤᠯᠢ ᠵᠢᠨ ᠡᠷᠬᠡᠲᠡᠨ᠎ᠤ ᠬᠠᠷᠢᠭᠤᠴᠠᠯᠭ᠎ᠠ ᠵᠢᠨ ᠳᠦᠷᠢᠮ᠂ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠳᠦᠷᠢᠮ᠂ ᠬᠢᠨᠠᠵᠤ ᠬᠠᠮᠢᠶᠠᠷᠬᠤ ᠳᠦᠷᠢᠮ ᠪᠠ ᠭᠡᠷ᠎ᠡ ᠵᠢᠨ ᠳᠦᠷᠢᠮ᠎ᠢ ᠡᠷᠡᠰ ᠲᠤᠤᠱᠯᠠᠭᠤᠯᠤᠨ᠎ᠠ᠃ ᠡᠯ᠎ᠡ ᠲᠥᠷᠥᠯ᠎ᠤᠨ ᠪᠦᠲᠦᠭᠡᠨ ᠪᠠᠶ᠋ᠢᠭᠤᠯᠤᠯᠲᠠ ᠪᠣᠯᠣᠨ ᠬᠠᠮᠢᠶᠠᠷᠤᠯᠲᠠ ᠵᠢᠨ ᠡᠭᠦᠷᠭᠡ ᠵᠠᠳᠠᠯᠵᠤ᠂ ᠬᠥᠮᠥᠨ ᠪᠦᠷᠢ᠎ᠳᠤ ᠬᠦᠷᠲᠡᠯ᠎ᠡ ᠨᠠᠢ᠌ᠳᠠᠪᠤᠷᠢᠵᠢᠭᠤᠯᠵᠤ᠂ ᠬᠠᠷᠢᠭᠤᠴᠠᠯᠭ᠎ᠠ᠎ᠨᠢ ᠲᠣᠲᠣᠷᠬᠠᠢ᠌ᠯᠠᠵᠤ᠂ ᠡᠷᠬᠡ ᠬᠠᠷᠢᠭᠤᠴᠠᠯᠭ᠎ᠠ ᠵᠢ ᠨᠢᠭᠡᠳᠦᠭᠦᠯᠬᠦ ᠵᠢ ᠪᠡᠶᠡᠯᠡᠭᠦᠯᠬᠦ ᠬᠡᠷᠡᠭᠲᠡᠢ᠃
      ᠲᠠᠪᠤ᠎ᠳᠤ ᠲᠠᠷᠢᠶᠠᠯᠠᠩ᠎ᠤᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠵᠢᠨ ᠲᠣᠭᠲᠠᠭ᠋ᠠᠭᠰᠠᠨ ᠨᠣᠷᠮ᠎ᠠ᠎ᠪᠠᠷ ᠲᠥᠷᠥᠯ ᠵᠦᠢ᠍ᠯ᠎ᠢ ᠬᠠᠮᠢᠶᠠᠷᠤᠨ᠎ᠠ᠃ ᠲᠠᠷᠢᠶᠠᠯᠠᠩ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠡᠷᠡᠭᠵᠢᠭᠦᠯᠬᠦ ᠪᠠ ᠬᠠᠮᠢᠶᠠᠷᠬᠤ᠎ᠳᠤ ᠮᠡᠷᠭᠡᠵᠢᠯ᠎ᠤᠨ ᠴᠢᠨᠠᠷ ᠵᠶ᠋ᠠᠷ ᠴᠢᠩᠭ᠎ᠠ᠂ ᠬᠣᠯᠪᠣᠭᠳᠠᠬᠤ ᠬᠡᠪᠴᠢᠶ᠎ᠡ᠎ᠨᠢ ᠥᠷᠭᠡᠨ ᠵᠡᠷᠭᠡ ᠣᠨᠴᠠᠯᠢᠭ᠎ᠲᠠᠢ ᠪᠠᠢ᠌ᠳᠠᠭ᠂ ᠵᠢᠱ᠌ᠢᠶᠡᠯᠡᠪᠡᠯ 《ᠲᠠᠷᠢᠶᠠᠯᠠᠩ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠠᠩᠬ᠎ᠠ ᠠᠯᠬᠤᠮ᠎ᠤᠨ ᠵᠢᠷᠤᠭ ᠲᠥᠯᠥᠪᠯᠡᠭᠡᠨ᠎ᠤ ᠪᠢᠴᠢᠭ ᠮᠠᠲ᠋ᠧᠷᠢᠶᠠᠯ᠎ᠢ ᠨᠠᠶ᠋ᠢᠷᠠᠭᠤᠯᠤᠨ ᠵᠣᠬᠢᠶᠠᠬᠤ ᠳᠦᠷᠢᠮᠵᠢᠯ》᠎ᠨᠢ ᠨᠠᠶ᠋ᠢᠷᠠᠭᠤᠯᠤᠨ ᠵᠣᠬᠢᠶᠠᠬᠤ ᠬᠡᠪᠴᠢᠶ᠎ᠡ᠂ ᠨᠠᠢ᠌ᠷᠠᠭᠤᠯᠤᠨ ᠵᠣᠬᠢᠶᠠᠬᠤ ᠭᠦᠨᠴᠡ᠂ ᠭᠠᠷ᠎ᠤᠨ ᠦᠰᠦᠭ ᠵᠢᠷᠤᠬᠤ ᠱᠠᠭ᠋ᠠᠷᠳᠠᠯᠭ᠎ᠠ ᠵᠢ ᠲᠣᠳᠣᠷᠬᠠᠢ᠌ᠯᠠᠭᠰᠠᠨ ᠪᠥᠭᠡᠳ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢᠨ ᠲᠣᠳᠣᠷᠬᠠᠢ᠌ᠯᠠᠯᠲᠠ᠂ ᠬᠥᠬᠡ ᠵᠢᠷᠤᠭ᠂ ᠲᠠᠷᠢᠶᠠᠯᠠᠩ᠎ᠤᠨ ᠮᠠᠰᠢᠨ ᠪᠠᠭ᠋ᠠᠵᠢ ᠪᠠ ᠬᠡᠮᠵᠢᠭᠦᠷᠯᠢᠭ ᠵᠢᠨ ᠨᠠᠷᠢᠨ ᠳᠠᠩᠰᠠ ᠪᠠ ᠲᠣᠶ᠋ᠢᠮᠣ ᠲᠥᠰᠦᠪ᠎ᠤᠨ ᠪᠢᠴᠢᠭ ᠵᠡᠷᠭᠡ ᠡᠯ᠎ᠡ ᠬᠡᠰᠡᠭ᠎ᠤᠨ ᠨᠠᠶ᠋ᠢᠷᠠᠭᠤᠯᠤᠨ ᠵᠣᠬᠢᠶᠠᠬᠤ ᠱᠠᠭ᠋ᠠᠷᠳᠠᠯᠭ᠎ᠠ ᠵᠢ ᠳᠦᠷᠢᠮᠵᠢᠭᠦᠯᠦᠭᠰᠡᠨ ᠪᠠᠢ᠌ᠳᠠᠭ᠃
     [ᠬᠥᠲᠥᠯᠥᠭᠴᠢ]   ᠵᠠ ᠰᠠᠢ᠌ᠨ ᠪᠣᠯᠣᠯ᠎ᠠ᠃ ᠵᠢᠶᠠ ᠳᠠᠷᠤᠭ᠎ᠠ ᠵᠢᠨ ᠲᠠᠢ᠌ᠯᠪᠤᠷᠢᠯᠠᠭᠰᠠᠨ᠎ᠳᠤ ᠲᠠᠯᠠᠷᠬᠠᠵᠤ ᠪᠠᠢ᠌ᠨ᠎ᠠ᠂   ᠮᠦᠨᠴᠦ ᠰᠦᠯᠵᠢᠶᠡᠨ᠎ᠤ ᠠᠨᠳᠠ ᠨᠡᠷ᠎ᠤᠨ ᠢᠳᠡᠪᠬᠢᠲᠡᠶ ᠣᠷᠣᠯᠴᠠᠭᠰᠠᠨ᠎ᠳᠤ ᠲᠠᠯᠠᠷᠬᠠᠵᠤ ᠪᠠᠢ᠌ᠨ᠎ᠠ᠂ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠵᠠᠪᠰᠠᠷᠯᠠᠶ᠎ᠠ  ᠂ ᠳᠠᠷᠠᠭ᠋ᠠᠴᠢ ᠵᠢᠨ ᠫᠷᠦᠭᠷᠠᠮ᠎ᠳᠤ ᠪᠠᠶᠠᠷᠲᠠᠶ ᠵᠣᠯᠭ᠋ᠠᠶ᠎ᠠ!


      ᠲᠦᠮᠦᠰᠦ ᠵᠢᠨ 《ᠬᠣᠶᠠᠷ᠎ᠢ ᠨᠡᠮᠡᠭᠳᠡᠭᠦᠯᠬᠦ ᠲᠠᠪᠤ ᠵᠢ ᠠᠬᠢᠭᠤᠯᠬᠤ》 ᠮᠡᠷᠭᠡᠵᠢᠯ᠎ᠢ ᠶᠡᠬᠡ ᠬᠡᠪᠴᠢᠶ᠎ᠡ᠎ᠪᠠᠷ ᠳᠡᠯᠭᠡᠷᠡᠭᠦᠯᠵᠦ ᠪᠠᠢ᠌ᠭ᠎ᠠ᠎ᠨᠢ


      ᠨᠡᠢ᠌ᠭᠡᠮᠴᠢᠯᠡᠭᠰᠡᠨ ᠦᠢ᠍ᠯᠡᠴᠢᠯᠡᠭᠡ ᠵᠢᠨ ᠵᠣᠬᠢᠶᠠᠨ ᠪᠠᠢ᠌ᠭᠤᠯᠤᠯᠲᠠ ᠵᠢᠨ ᠨᠢᠭᠡᠳᠦᠯᠲᠡᠢ ᠰᠡᠷᠭᠡᠢ᠌ᠯᠡᠨ ᠵᠠᠰᠠᠵᠤ ᠪᠠᠢ᠌ᠭ᠎ᠠ ᠲᠤᠬᠠᠢ ᠵᠢᠨ ᠲᠠᠯᠠᠪᠠᠢ


      ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠤᠨ ᠳᠡᠳ᠋ ᠳᠠᠷᠤᠭ᠎ᠠ ᠵᠢᠶᠠ ᠶᠤᠸᠠᠢ ᠹᠸᠩ 《ᠳᠤᠮᠳᠠᠳᠤ ᠤᠯᠤᠰ ᠥᠪᠥᠷ ᠮᠣᠩᠭᠣᠯ》 ᠰᠦᠯᠵᠢᠶ᠎ᠡ᠎ᠳᠤ ᠰᠠᠭ᠋ᠠᠲᠠᠵᠤ ᠪᠠᠢ᠌ᠭ᠎ᠠ᠎ᠨᠢ


      ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠡᠯᠧᠺᠲᠷᠣᠨ ᠵᠠᠰᠠᠭ᠎ᠤᠨ ᠶᠠᠪᠤᠳᠠᠯ᠎ᠤᠨ ᠭᠠᠵᠠᠷ᠎ᠤᠨ ᠳᠡᠳ᠋ ᠳᠠᠷᠤᠭ᠎ᠠ ᠭᠣᠣ ᠬᠤᠩ ᠯᠢ ᠡᠷᠬᠢᠮ ᠵᠣᠴᠢᠨ᠎ᠳᠤ ᠪᠠᠷ᠎ᠠ ᠪᠣᠯᠵᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠣᠷᠲᠸᠯ ᠰᠦᠯᠵᠢᠶ᠎ᠡ ᠵᠢ ᠲᠣᠭᠣᠷᠢᠨ ᠦᠵᠡᠵᠦ ᠪᠠᠢ᠌ᠭ᠎ᠠ᠎ᠨᠢ

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠲᠠᠪᠴᠠᠩ ᠪᠠᠢ᠌ᠭᠤᠯᠵᠤ ᠴᠠᠬᠢᠯᠭ᠋ᠠᠨ ᠱᠠᠲᠤ ᠵᠢᠨ ᠠᠵᠢᠯᠯᠠᠭ᠋ᠠᠨ᠎ᠤ ᠠᠮᠤᠷ ᠲᠥᠪᠰᠢᠨ᠎ᠢ ᠦᠨᠡᠨᠬᠦ ᠪᠠᠲᠤᠯᠠᠨ᠎ᠠ
ᠥᠪᠥᠷ ᠮᠣᠩᠭᠣᠯ ᠠᠵᠤ ᠠᠬᠤᠢ᠌ᠯᠠᠯ᠎ᠳᠤ ᠬᠣᠯᠪᠣᠭᠳᠠᠬᠤ ᠰᠦᠢ᠍ᠳᠬᠡᠯ ᠬᠤᠷᠢᠶᠠᠬᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ ᠠᠵᠤ ᠠᠬᠤᠢ᠌ᠯᠠᠯ᠎ᠤᠨ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠵᠦ ᠪᠤᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠡᠷᠬᠡ ᠠᠰᠢᠭ᠎ᠢ ᠬᠠᠮᠠᠭ᠋ᠠᠯᠠᠬᠤ ᠲᠣᠭᠲᠠᠭ᠋ᠠᠯ》᠎ᠤᠨ ᠲᠠᠢ᠌ᠯᠤᠮᠵᠢ
《〈ᠢᠨᠲᠸᠷ ᠰᠦᠯᠵᠢᠶ᠎ᠡ +〉 ᠠᠵᠢᠯ᠎ᠢ ᠲᠥᠷᠭᠡᠳᠬᠡᠨ ᠠᠬᠢᠭᠤᠯᠬᠤ ᠲᠤᠬᠠᠢ ᠵᠢᠯᠣᠭᠣᠳᠬᠤ ᠰᠠᠨᠠᠯ》᠎ᠤᠨ ᠲᠠᠢ᠌ᠯᠤᠮᠵᠢ
ᠥᠪᠥᠷ ᠮᠣᠩᠭᠣᠯ᠎ᠤᠨ ᠳᠡᠭᠡᠷ᠎ᠡ ᠬᠠᠭ᠋ᠠᠰ ᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢᠨ ᠠᠯᠬᠣᠴᠠ ᠯᠠᠪᠳᠠᠭᠤᠨ ᠪᠠᠲᠤᠲᠠᠶ ᠪᠤᠯᠪᠠ
 
            