
ᠰᠤᠷᠪᠤᠯᠵᠢᠯᠠᠨ ᠶᠠᠷᠢᠯᠴᠠᠭᠰᠠᠨ ᠭᠤᠤᠯ ᠰᠡᠳᠦᠪ᠄ ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠲᠠᠪᠴᠠᠩ ᠪᠠᠢ᠌ᠭᠤᠯᠵᠤ ᠴᠠᠬᠢᠯᠭ᠋ᠠᠨ ᠱᠠᠲᠤ ᠵᠢᠨ ᠠᠵᠢᠯᠯᠠᠭ᠋ᠠᠨ᠎ᠤ ᠠᠮᠤᠷ ᠲᠥᠪᠰᠢᠨ᠎ᠢ ᠦᠨᠡᠨᠬᠦ ᠪᠠᠲᠤᠯᠠᠨ᠎ᠠ
ᠰᠤᠷᠪᠤᠯᠵᠢᠯᠠᠭᠰᠠᠨ ᠴᠠᠭ᠄ 2015 ᠤᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠤᠨ ᠦᠳᠡ ᠵᠢᠨ ᠬᠣᠢ᠌ᠨ᠎ᠠ ᠵᠢᠨ 3 ᠴᠠᠭ
ᠰᠤᠷᠪᠤᠯᠵᠢᠯᠠᠭᠰᠠᠨ ᠵᠤᠴᠢᠨ᠄ ᠦᠪᠡᠷᠲᠡᠭᠡᠨ ᠵᠠᠰᠠᠬᠤ ᠤᠷᠤᠨ᠎ᠤ ᠶᠠᠰᠤ ᠴᠢᠨᠠᠷ᠎ᠲᠤ ᠮᠡᠷᠭᠡᠵᠢᠯ ᠵᠶ᠋ᠡᠷ ᠬᠢᠨᠠᠯᠲᠠ ᠲᠠᠯᠪᠢᠬᠤ ᠲᠣᠪᠴᠢᠶ᠎ᠠ ᠵᠢᠨ ᠳᠡᠳ᠋ ᠲᠣᠭᠣᠷᠢᠨ ᠪᠠᠶ᠋ᠢᠴᠠᠭ᠋ᠠᠭᠴᠢ ᠹᠸᠩ ᠶᠸ
ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄ ᠴᠠᠬᠢᠯᠭ᠋ᠠᠨ ᠱᠠᠲᠤ᠎ᠨᠢ ᠬᠥᠮᠦᠰ᠎ᠤᠨ ᠣᠷᠣᠵᠤ ᠭᠠᠷᠬᠤ ᠵᠢᠨ ᠴᠢᠬᠤᠯᠠ ᠪᠠᠭ᠋ᠠᠵᠢ ᠪᠣᠯᠵᠠᠢ᠃ ᠴᠠᠬᠢᠯᠭ᠋ᠠᠨ ᠱᠠᠲᠤ ᠵᠢᠨ ᠠᠵᠢᠯᠯᠠᠭ᠋ᠠᠨ᠎ᠤ ᠠᠮᠤᠷ ᠲᠥᠪᠰᠢᠨ ᠡᠰᠡᠬᠦ᠎ᠨᠢ ᠣᠯᠠᠨ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠬᠢᠭᠡᠳ ᠠᠮᠢᠳᠤᠷᠠᠯ᠎ᠤᠨ ᠶᠠᠰᠤ ᠴᠢᠨᠠᠷ᠎ᠯᠤᠭ᠎ᠠ ᠰᠢᠭᠤᠳ ᠬᠠᠷᠢᠴᠠᠭ᠎ᠠ᠎ᠲᠠᠢ ᠪᠠᠢ᠌ᠳᠠᠭ᠃ ᠥᠪᠥᠷ ᠮᠣᠩᠭᠣᠯ᠎ᠤᠨ ᠶᠠᠰᠤ ᠴᠢᠨᠠᠷ᠎ᠲᠤ ᠮᠡᠷᠭᠡᠵᠢᠯ ᠵᠶ᠋ᠡᠷ ᠬᠢᠨᠠᠯᠲᠠ ᠲᠠᠯᠪᠢᠬᠤ ᠲᠣᠪᠴᠢᠶ᠎ᠠ ᠴᠠᠬᠢᠯᠭ᠋ᠠᠨ ᠱᠠᠲᠤ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠵᠢᠨ ᠲᠥᠯᠥᠭᠡ᠂ ᠠᠷᠠᠳ᠎ᠤᠨ ᠠᠮᠢᠳᠤᠷᠠᠯ᠎ᠢ ᠪᠠᠲᠤᠯᠠᠬᠤ ᠦᠢ᠍ᠯᠡᠴᠢᠯᠡᠭᠡ᠎ᠳᠠᠬᠢ ᠶᠠᠰᠤ ᠴᠢᠨᠠᠷ᠎ᠲᠤ ᠮᠡᠷᠭᠡᠵᠢᠯ ᠵᠶ᠋ᠡᠷ ᠬᠢᠨᠠᠯᠲᠠ ᠲᠠᠯᠪᠢᠬᠤ ᠰᠠᠯᠠᠭ᠎ᠠ ᠮᠥᠴᠢᠷ᠎ᠤᠨ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠴᠠᠬᠢᠯᠭ᠋ᠠᠨ ᠱᠠᠲᠤ ᠵᠢᠨ ᠠᠵᠢᠯᠯᠠᠭ᠋ᠠᠨ᠎ᠤ ᠬᠢᠨᠠᠨ ᠬᠠᠮᠢᠶᠠᠷᠬᠤ ᠪᠠ ᠴᠠᠬᠢᠯᠭ᠋ᠠᠨ ᠱᠠᠲᠤ ᠵᠢᠨ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠥᠭᠡᠷᠡᠴᠢᠯᠡᠯᠲᠡ ᠵᠢ ᠢᠳᠡᠪᠬᠢᠲᠠᠢ ᠲᠦᠯᠬᠢᠨ ᠠᠬᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠦᠢ᠍ᠯᠡᠴᠢᠯᠡᠭᠡᠨ᠎ᠤ ᠲᠠᠪᠴᠠᠩ᠎ᠢ ᠪᠠᠢ᠌ᠭᠤᠯᠵᠤ᠂ ᠴᠠᠬᠢᠯᠭ᠋ᠠᠨ ᠱᠠᠲᠤ ᠵᠢᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ ᠵᠢ ᠲᠠᠰᠤᠷᠠᠯᠲᠠ ᠦᠭᠡᠶ ᠳᠡᠭᠡᠭᠰᠢᠯᠡᠭᠦᠯᠦᠨ᠂ ᠥᠷᠭᠡᠨ ᠣᠯᠠᠨ ᠲᠦᠮᠡᠨ᠎ᠤ ᠴᠠᠬᠢᠯᠭ᠋ᠠᠨ ᠱᠠᠲᠤ᠎ᠤᠨ ᠠᠮᠤᠷ ᠲᠦᠪᠰᠢᠨ᠎ᠤ ᠨᠡᠩ ᠥᠨᠳᠥᠷ ᠱᠠᠭ᠋ᠠᠷᠳᠠᠯᠭ᠎ᠠ ᠵᠢ ᠬᠠᠩᠭ᠋ᠠᠵᠤ᠂ ᠠᠷᠠᠳ᠎ᠤᠨ ᠠᠮᠢᠳᠤᠷᠠᠯ᠎ᠢ ᠪᠠᠲᠤᠯᠠᠬᠤ ᠦᠢ᠍ᠯᠡᠴᠢᠯᠡᠭᠡ ᠴᠢᠬᠤᠯᠠ ᠶᠡᠬᠡ ᠦᠢ᠍ᠯᠡᠳᠦᠯ ᠵᠶ᠋ᠠᠨ ᠪᠠᠳᠠᠷᠠᠭᠤᠯᠪᠠ᠃ ᠬᠠᠮᠢᠶ᠎ᠠ ᠪᠦᠬᠦᠢ ᠪᠠᠶ᠋ᠢᠳᠠᠯ᠎ᠢ ᠭᠦᠨᠵᠡᠭᠡᠢ ᠣᠶ᠋ᠢᠯᠠᠭ᠋ᠠᠬᠤ ᠵᠢᠨ ᠲᠥᠯᠥᠭᠡ᠂ ᠣᠶ᠋ᠢᠷ᠎ᠠ᠎ᠳᠤ᠂ ᠪᠢᠳᠡ ᠥᠪᠡᠷᠲᠡᠭᠡᠨ ᠵᠠᠰᠠᠬᠤ ᠣᠷᠣᠨ᠎ᠤ ᠶᠠᠰᠤ ᠴᠢᠨᠠᠷ᠎ᠲᠤ ᠮᠡᠷᠭᠡᠵᠢᠯ ᠵᠶ᠋ᠡᠷ ᠬᠢᠨᠠᠯᠲᠠ ᠲᠠᠯᠪᠢᠬᠤ ᠲᠣᠪᠴᠢᠶ᠎ᠠ ᠵᠢᠨ ᠳᠡᠳ᠋ ᠲᠣᠭᠣᠷᠢᠨ ᠪᠠᠶ᠋ᠢᠴᠠᠭ᠋ᠠᠭᠴᠢ ᠹᠸᠩ ᠶᠸ ᠵᠢ ᠤᠷᠢᠵᠤ 《ᠳᠤᠮᠳᠠᠳᠤ ᠤᠯᠤᠰ ᠥᠪᠥᠷ ᠮᠣᠩᠭᠣᠯ》᠎ᠤᠨ ᠰᠦᠯᠵᠢᠶᠡᠨ ᠳᠡᠭᠡᠷ᠎ᠡ ᠳᠠᠶᠠᠭ᠋ᠠᠷ ᠣᠯᠠᠨ᠎ᠲᠠᠢ ᠶᠠᠷᠢᠯᠴᠠᠭᠤᠯᠬᠤ᠎ᠪᠠᠷ ᠪᠤᠢ᠂ ᠲᠤᠬᠠᠢ ᠵᠢᠨ ᠴᠠᠭᠲᠤᠨᠢ ᠰᠦᠯᠵᠢᠶᠡᠨ ᠠᠨᠳᠠ ᠨᠠᠷ᠎ᠤᠨ ᠢᠳᠡᠪᠬᠢᠲᠠᠢ ᠤᠷᠤᠯᠴᠠᠬᠤ ᠵᠢ ᠪᠠᠶᠠᠷᠯᠠᠨ ᠤᠭᠳᠤᠵᠦ ᠪᠠᠢ᠌ᠨ᠎ᠠ!
ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ
ᠬᠥᠲᠥᠯᠥᠭᠴᠢ᠄
ᠰᠦᠯᠵᠢᠶᠡᠨ ᠠᠨᠳᠠ ᠨᠠᠷ ᠡ᠂ ᠰᠠᠢ᠌ᠨ ᠪᠠᠢ᠌ᠵᠠᠭ᠋ᠠᠨ᠎ᠠ ᠤᠤ! ᠲᠠ ᠪᠦᠬᠦᠨ᠎ᠤ ᠲᠤᠰ ᠬᠤᠭᠤᠴᠠᠭ᠋ᠠᠨ᠎ᠤ 《ᠳᠤᠮᠳᠠᠳᠤ ᠤᠯᠤᠰ ᠦᠪᠤᠷ ᠮᠤᠩᠭᠤᠯ》 ᠰᠦᠯᠵᠢᠶᠡᠨ᠎ᠤ ᠰᠤᠷᠪᠤᠯᠵᠢᠯᠠᠨ ᠶᠠᠷᠢᠯᠴᠠᠬᠤ ᠫᠷᠦᠭᠷᠡᠮᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠳᠤᠵᠦ ᠪᠠᠢ᠌ᠨ᠎ᠠ᠃ ᠣᠳᠣᠬᠠᠨ᠎ᠳᠤ ᠴᠠᠬᠢᠯᠭ᠋ᠠᠨ ᠱᠠᠲᠤ᠎ᠨᠢ ᠬᠥᠮᠦᠰ᠎ᠤᠨ ᠣᠷᠣᠵᠤ ᠭᠠᠷᠬᠤ ᠴᠢᠬᠤᠯᠠ ᠪᠠᠭ᠋ᠠᠵᠢ ᠪᠣᠯᠣᠭᠰᠠᠨ ᠪᠠᠢ᠌ᠨ᠎ᠠ᠃ ᠴᠠᠬᠢᠯᠭ᠋ᠠᠨ ᠱᠠᠲᠤ ᠵᠢᠨ ᠠᠵᠢᠯᠯᠠᠭ᠋ᠠᠨ᠎ᠤ ᠠᠮᠤᠷ ᠲᠥᠪᠰᠢᠨ ᠪᠠᠢ᠌ᠬᠤ ᠡᠰᠡᠬᠦ᠎ᠨᠢ ᠣᠯᠠᠨ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠬᠢᠭᠡᠳ ᠠᠮᠢᠳᠤᠷᠠᠯ᠎ᠤᠨ ᠶᠠᠰᠤ ᠴᠢᠨᠠᠷ᠎ᠯᠤᠭ᠎ᠠ ᠰᠢᠭᠤᠳ ᠬᠠᠷᠢᠴᠠᠭ᠎ᠠ᠎ᠲᠠᠢ ᠪᠠᠢ᠌ᠳᠠᠭ᠃ ᠥᠪᠥᠷ ᠮᠣᠩᠭᠣᠯ᠎ᠤᠨ ᠶᠠᠰᠤ ᠴᠢᠨᠠᠷ᠎ᠲᠤ ᠮᠡᠷᠭᠡᠵᠢᠯ ᠵᠶ᠋ᠡᠷ ᠬᠢᠨᠠᠯᠲᠠ ᠲᠠᠯᠪᠢᠬᠤ ᠲᠣᠪᠴᠢᠶ᠎ᠠ ᠴᠠᠬᠢᠯᠭ᠋ᠠᠨ ᠱᠠᠲᠤ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠵᠢᠨ ᠲᠥᠯᠥᠭᠡ᠂ ᠴᠠᠬᠢᠯᠭ᠋ᠠᠨ ᠱᠠᠲᠤ ᠵᠢᠨ ᠠᠵᠢᠯᠯᠠᠭ᠋ᠠᠨ᠎ᠢ ᠬᠢᠨᠠᠨ ᠬᠠᠮᠢᠶᠠᠷᠬᠤ ᠪᠠ ᠴᠠᠬᠢᠯᠭ᠋ᠠᠨ ᠱᠠᠲᠤ ᠵᠢᠨ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠥᠭᠡᠷᠡᠴᠢᠯᠡᠯᠲᠡ ᠵᠢ ᠢᠳᠡᠪᠬᠢᠲᠠᠢ ᠲᠦᠯᠬᠢᠨ ᠠᠬᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠦᠢ᠍ᠯᠡᠴᠢᠯᠡᠭᠡᠨ᠎ᠤ ᠲᠠᠪᠴᠠᠩ᠎ᠢ ᠪᠠᠢ᠌ᠭᠤᠯᠵᠤ᠂ ᠴᠠᠬᠢᠯᠭ᠋ᠠᠨ ᠱᠠᠲᠤ ᠵᠢᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ ᠵᠢ ᠲᠠᠰᠤᠷᠠᠯᠲᠠ ᠦᠭᠡᠶ ᠳᠡᠭᠡᠭᠰᠢᠯᠡᠭᠦᠯᠦᠭᠡᠳ᠂ ᠨᠡᠯᠢᠶᠡᠳ ᠰᠠᠶ᠋ᠢᠨ ᠦᠷ᠎ᠡ ᠪᠦᠲᠦᠮᠵᠢ ᠣᠯᠪᠠ᠃ ᠬᠣᠯᠪᠣᠭᠳᠠᠯ ᠪᠦᠬᠦᠢ ᠪᠠᠢ᠌ᠳᠠᠯ᠎ᠢ ᠭᠦᠨᠵᠡᠭᠡᠢ ᠣᠢ᠌ᠯᠠᠭ᠋ᠠᠬᠤ ᠵᠢᠨ ᠲᠥᠯᠥᠭᠡ᠂ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ᠎ᠤ ᠶᠠᠰᠤ ᠴᠢᠨᠠᠷ᠎ᠲᠤ ᠮᠡᠷᠭᠡᠵᠢᠯ ᠵᠶ᠋ᠡᠷ ᠬᠢᠨᠠᠯᠲᠠ ᠲᠠᠯᠪᠢᠬᠤ ᠲᠣᠪᠴᠢᠶ᠎ᠠ ᠵᠢᠨ ᠳᠡᠳ᠋ ᠲᠣᠭᠣᠷᠢᠨ ᠪᠠᠶ᠋ᠢᠴᠠᠭ᠋ᠠᠭᠴᠢ ᠹᠸᠩ ᠶᠸ ᠵᠢ ᠤᠷᠢᠵᠤ ᠬᠣᠯᠪᠣᠭᠳᠠᠯ ᠪᠦᠬᠦᠢ ᠪᠠᠢ᠌ᠳᠠᠯ᠎ᠢ ᠨᠠᠷᠢᠨ ᠲᠠᠨᠢᠯᠴᠠᠭᠤᠯᠬᠤ᠎ᠪᠠᠷ ᠪᠠᠢ᠌ᠨ᠎ᠠ᠂ ᠰᠦᠯᠵᠢᠶᠡᠨ᠎ᠤ ᠠᠨᠳᠠ ᠨᠠᠷ ᠪᠢᠳᠡᠨ᠎ᠤ ᠰᠤᠷᠪᠤᠯᠵᠢᠯᠠᠭ᠎ᠠ᠎ᠳᠤ ᠢᠳᠡᠪᠬᠢᠲᠠᠢ ᠣᠷᠣᠯᠴᠠᠬᠤ ᠵᠢ ᠪᠠᠶᠠᠷᠯᠠᠨ ᠤᠭᠲᠠᠵᠤ ᠪᠠᠢ᠌ᠨ᠎ᠠ ᠃ ᠹᠸᠩ ᠳᠠᠷᠤᠭ᠎ᠠ ᠡ᠂ ᠲᠠᠨ᠎ᠢ ᠪᠠᠶᠠᠷᠯᠠᠨ ᠣᠭᠳᠣᠵᠣ ᠪᠠᠢ᠌ᠨ᠎ᠠ !
ᠹᠸᠩ ᠶᠸ᠄
ᠬᠦᠳᠥᠯᠥᠭᠴᠢ ᠲᠠ ᠰᠠᠢ᠌ᠨ ᠤᠤ᠂ ᠰᠥᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨ᠎ᠠ ᠤᠤ! 《ᠰᠦᠯᠵᠢᠶᠡᠨ ᠳᠡᠭᠡᠷᠡᠬᠢ ᠰᠤᠷᠪᠤᠯᠵᠢᠯᠠᠭ᠎ᠠ》᠎ᠪᠠᠷ ᠳᠠᠮᠵᠢᠭᠤᠯᠤᠨ ᠲᠠ ᠪᠦᠬᠦᠨ᠎ᠲᠠᠢ ᠵᠣᠭᠤᠭᠳᠠᠬᠤ ᠪᠣᠯᠣᠭᠰᠠᠨ᠎ᠳᠠᠭᠠᠨ ᠮᠠᠰᠢ ᠪᠠᠶᠠᠷᠯᠠᠵᠤ ᠪᠠᠢ᠌ᠨ᠎ᠠ᠃ ᠮᠠᠨ᠎ᠤ ᠶᠠᠰᠤ ᠴᠢᠨᠠᠷ᠎ᠲᠤ ᠮᠡᠷᠭᠡᠵᠢᠯ ᠵᠶ᠋ᠡᠷ ᠬᠢᠨᠠᠯᠲᠠ ᠲᠠᠯᠪᠢᠬᠤ ᠰᠠᠯᠠᠭ᠎ᠠ ᠮᠦᠴᠢᠷ᠎ᠤᠨ ᠡᠯ᠎ᠡ ᠵᠦᠢ᠍ᠯ᠎ᠤᠨ ᠠᠵᠢᠯ ᠢ ᠠᠩᠬᠠᠷᠴᠦ ᠳᠡᠮᠵᠢᠭᠰᠡᠭᠡᠷ ᠢᠷᠡᠭᠰᠡᠨ ᠲᠠ ᠪᠦᠬᠦᠨ᠎ᠳᠤ ᠲᠠᠯᠠᠷᠬᠠᠵᠣ ᠪᠠᠢ᠌ᠨ᠎ᠠ !
ᠬᠥᠲᠥᠯᠥᠭᠴᠢ᠄
ᠴᠠᠬᠢᠯᠭ᠋ᠠᠨ ᠱᠠᠲᠤ ᠭᠡᠭᠰᠡᠭᠡᠷ᠂ ᠲᠡᠷᠡ᠎ᠨᠢ ᠮᠠᠨ᠎ᠤ ᠠᠮᠢᠳᠤᠷᠠᠯ ᠮᠣᠭᠠ ᠨᠢᠭᠲᠠ ᠬᠣᠯᠪᠣᠭᠳᠠᠯ᠎ᠲᠠᠢ ᠭᠡᠰᠡᠨ ᠶᠡᠷᠦᠩᠭᠡᠢ ᠲᠥᠷᠥᠭᠳᠡᠯ ᠥᠭᠳᠡᠭ᠂ ᠢᠯᠠᠩᠭᠤᠶ᠎ᠠ ᠬᠣᠲᠠ ᠵᠢᠨ ᠬᠥᠮᠥᠰ ᠡᠳᠦᠷ ᠪᠣᠯᠭ᠋ᠠᠨ ᠴᠠᠬᠢᠯᠭ᠋ᠠᠨ ᠱᠠᠲᠤ᠎ᠲᠠᠢ ᠬᠠᠷᠢᠯᠴᠠᠳᠠᠭ᠃ ᠹᠧᠩ ᠳᠠᠷᠤᠭ᠎ᠠ ᠡ᠂ ᠪᠦᠬᠦ ᠣᠷᠣᠨ᠎ᠤ ᠬᠡᠷᠡᠭᠯᠡᠵᠦ ᠪᠠᠢ᠌ᠭ᠎ᠠ ᠴᠠᠬᠢᠯᠭ᠋ᠠᠨ ᠱᠠᠲᠤ ᠵᠢᠨ ᠶᠡᠷᠦᠩᠬᠡᠶ ᠲᠣᠭ᠎ᠠ᠎ᠨᠢ ᠬᠡᠳᠦᠶ ᠪᠠᠢ᠌ᠬᠤ ᠪᠤᠶ? ᠬᠥᠭᠵᠢᠯᠲᠡ ᠵᠢᠨ ᠬᠤᠷᠳᠤᠴᠠ᠎ᠨᠢ ᠶᠠᠮᠠᠷ ᠪᠠᠢ᠌ᠭ᠎ᠠ ᠪᠤᠶ?
ᠹᠸᠩ ᠶᠸ᠄
ᠮᠠᠨ᠎ᠤ ᠪᠦᠷᠢᠳᠬᠡᠭᠰᠡᠨ᠎ᠠᠴᠠ ᠦᠵᠡᠪᠡᠯ᠂ 2014 ᠣᠨ᠎ᠤ ᠡᠴᠦᠰ ᠪᠣᠯᠲᠠᠯ᠎ᠠ᠂ ᠮᠠᠨ᠎ᠤ ᠣᠷᠣᠨ᠎ᠤ ᠬᠡᠷᠡᠭᠯᠡᠵᠦ ᠪᠠᠢ᠌ᠭ᠎ᠠ ᠴᠠᠬᠢᠯᠭ᠋ᠠᠨ ᠱᠠᠲᠤ 54239 ᠰᠠᠤᠷᠢ ᠪᠠᠢ᠌ᠵᠤ᠂ 2014 ᠣᠨ᠎ᠳᠤ 9700 ᠭᠠᠷᠤᠢ ᠰᠠᠤᠷᠢ ᠴᠠᠬᠢᠯᠭ᠋ᠠᠨ ᠱᠠᠲᠤ ᠰᠢᠨ᠎ᠡ᠎ᠪᠠᠷ ᠨᠡᠮᠡᠪᠡ᠃ ᠣᠶ᠋ᠢᠷ᠎ᠠ ᠵᠢᠨ ᠲᠠᠪᠤᠨ ᠵᠢᠯ᠎ᠤᠨ ᠲᠤᠷᠰᠢ᠂ ᠳᠤᠮᠳᠠᠴᠢ᠎ᠪᠠᠷ ᠵᠢᠯ ᠪᠦᠷᠢ 36.6% ᠵᠢᠨ ᠬᠤᠷᠳᠤᠴᠠ᠎ᠪᠠᠷ ᠨᠡᠮᠡᠭᠳᠡᠵᠦ᠂ ᠭᠠᠳᠠᠨ᠎ᠠ ᠮᠤᠵᠢ ᠣᠷᠣᠨ᠎ᠤ ᠨᠡᠮᠡᠭᠳᠡᠯ᠎ᠤᠨ ᠬᠤᠷᠳᠤᠴᠠ᠎ᠲᠠᠢ ᠬᠠᠷᠢᠴᠠᠭᠤᠯᠪᠠᠯ ᠮᠥᠨ ᠯᠡ ᠨᠡᠯᠢᠶᠡᠳ ᠶᠡᠬᠡ ᠪᠠᠢ᠌ᠨ᠎ᠠ᠃
ᠬᠥᠲᠥᠯᠥᠭᠴᠢ᠄
ᠲᠤᠰ ᠬᠤᠭᠤᠴᠠᠭ᠋ᠠᠨ᠎ᠤ ᠫᠷᠦᠭᠷᠡᠮᠢ ᠬᠢᠬᠦ ᠵᠢᠨ ᠲᠥᠯᠥᠭᠡ᠂ ᠪᠢ ᠲᠤᠰᠬᠠᠶ᠋ᠢᠯᠠᠨ ᠮᠠᠨ᠎ᠤ ᠥᠪᠥᠷ ᠮᠣᠩᠭᠣᠯ᠎ᠤᠨ ᠶᠠᠰᠤ ᠰᠢᠨ᠎ᠡ᠎ᠪᠠᠷ ᠬᠢᠨᠠᠯᠲᠠ ᠲᠠᠯᠪᠢᠬᠤ ᠲᠣᠪᠴᠢᠶ᠎ᠠ ᠵᠢᠨ ᠰᠦᠯᠵᠢᠶᠡᠨ᠎ᠳᠤ᠂ ᠴᠠᠬᠢᠯᠭ᠋ᠠᠨ ᠱᠠᠲᠤ᠎ᠨᠢ ᠮᠠᠨ᠎ᠤ ᠣᠷᠣᠨ᠎ᠤ ᠮᠠᠰᠢ ᠠᠷᠪᠢᠨ ᠠᠯᠤᠰ ᠪᠤᠶ᠋ᠢᠳᠠ ᠬᠣᠲᠠ ᠬᠥᠳᠡᠭᠡ᠎ᠪᠠᠷ ᠴᠦ᠍ ᠥᠷᠭᠡᠨ ᠵᠶ᠋ᠠᠷ ᠬᠡᠷᠡᠭᠯᠡᠭᠳᠡᠵᠦ ᠪᠠᠢ᠌ᠬᠤ ᠵᠢ ᠣᠢ᠌ᠯᠠᠭ᠋ᠠᠪᠠ᠃ ᠲᠡᠭᠡᠪᠡᠯ᠂ ᠹᠸᠡᠭ ᠲᠣᠪᠴᠢᠶᠠᠨ ᠳᠠᠷᠤᠭ᠎ᠠ ᠡ᠂ ᠴᠠᠬᠢᠯᠭ᠋ᠠᠨ ᠱᠠᠲᠤ ᠵᠢᠨ ᠲᠣᠭ᠎ᠠ ᠬᠡᠮᠵᠢᠶ᠎ᠡ ᠵᠢᠨ ᠨᠡᠮᠡᠭᠳᠡᠯ᠎ᠨᠢ ᠮᠠᠨ᠎ᠤ ᠨᠡᠶ᠋ᠢᠭᠡᠮ᠎ᠳᠤ ᠶᠠᠮᠠᠷ ᠶᠠᠮᠠᠷ ᠨᠥᠯᠥᠭᠡ ᠦᠵᠡᠭᠦᠯᠬᠦ ᠪᠤᠶ? ᠶᠡᠷᠦᠩᠬᠡᠶ ᠠᠶᠤᠯ ᠦᠭᠡᠢ ᠠᠵᠢᠯᠯᠠᠭ᠋ᠠᠨ᠎ᠤ ᠶᠡᠷᠦᠩᠭᠡᠢ ᠪᠠᠶ᠋ᠢᠳᠠᠯ᠎ᠨᠢ ᠶᠠᠮᠠᠷ ᠪᠤᠶ?
ᠹᠸᠩ ᠶᠸ᠄
ᠠᠵᠤ ᠠᠬᠤᠶ᠂ ᠮᠡᠷᠭᠡᠵᠢᠯ᠎ᠤᠨ ᠬᠦᠭᠵᠢᠬᠦ ᠵᠢ ᠳᠠᠭ᠋ᠠᠯᠳᠤᠨ᠂ ᠪᠠᠷᠢᠯᠭ᠎ᠠ ᠪᠠᠷᠢᠬᠤ ᠲᠤᠲᠤᠮ ᠥᠨᠳᠥᠷ ᠪᠣᠯᠵᠤ᠂ ᠴᠠᠬᠢᠯᠭ᠋ᠠᠨ ᠱᠠᠲᠤ ᠵᠢᠨ ᠲᠣᠭ᠎ᠠ ᠬᠡᠮᠵᠢᠶ᠎ᠡ ᠴᠦ᠍ ᠨᠢᠰᠬᠦ ᠮᠡᠲᠦ ᠲᠦᠷᠭᠡᠨ ᠨᠡᠮᠡᠭᠳᠡᠵᠦ᠂ ᠴᠠᠬᠢᠯᠭ᠋ᠠᠨ ᠱᠠᠲᠤ ᠬᠡᠷᠡᠭᠯᠡᠬᠦ ᠬᠡᠪᠴᠢᠶ᠎ᠡ ᠴᠦ᠍ ᠶᠠᠪᠤᠬᠤ ᠲᠤᠲᠤᠮ ᠥᠷᠭᠡᠵᠢᠨ᠂ ᠪᠢᠳᠡᠨ᠎ᠤ ᠠᠮᠢᠳᠤᠷᠠᠯ ᠴᠦ᠍ ᠴᠠᠬᠢᠯᠭ᠋ᠠᠨ ᠱᠠᠲᠤ᠎ᠠᠴᠠ ᠰᠠᠯᠵᠤ ᠴᠢᠳᠠᠬᠤ᠎ᠪᠠᠨ ᠪᠣᠯᠢᠵᠠᠢ ᠭᠡᠵᠦ ᠬᠡᠯᠡᠵᠦ ᠪᠣᠯᠤᠨ᠎ᠠ᠂ ᠵᠢᠱ᠌ᠢᠶᠡᠯᠡᠪᠡᠯ ᠥᠨᠳᠥᠷ ᠳᠠᠪᠬᠤᠷᠭ᠋ᠠᠲᠤ ᠣᠷᠣᠨ ᠰᠠᠭᠤᠴᠠ᠂ ᠠᠯᠪᠠᠨ ᠠᠰᠠᠷ᠂ ᠵᠣᠴᠢᠳ᠎ᠤᠨ ᠪᠠᠭᠤᠳᠠᠯ᠎ᠤᠨ ᠡᠭᠴᠡ ᠴᠠᠬᠢᠯᠭ᠋ᠠᠨ ᠱᠠᠲᠤ᠂ ᠡᠮᠨᠡᠯᠭᠡ ᠵᠢᠨ ᠬᠣᠷᠢᠶ᠎ᠠ ᠵᠢᠨ ᠡᠪᠡᠳᠴᠢᠲᠡᠨ᠎ᠢ ᠡᠪᠡᠳᠴᠢᠲᠡᠨ᠎ᠤ ᠣᠷᠣᠲᠠᠢᠨᠢ ᠲᠡᠭᠡᠭᠡᠵᠦ ᠪᠣᠯᠬᠤ ᠴᠠᠬᠢᠯᠭ᠋ᠠᠨ ᠱᠠᠲᠤ᠂ ᠬᠤᠳᠠᠯᠳᠤᠭ᠋ᠠᠨ᠎ᠤ ᠲᠠᠯᠠᠪᠠᠢ ᠪᠣᠯᠣᠨ ᠬᠡᠳᠦ ᠳᠡᠯᠭᠡᠭᠦᠷ᠎ᠲᠤ ᠬᠡᠷᠡᠭᠯᠡᠵᠦ ᠪᠠᠢ᠌ᠭ᠎ᠠ ᠠᠦ᠋ᠲ᠋ᠣ᠋ ᠲᠤᠢ᠍ᠰᠢᠬᠦᠷᠳᠦ ᠱᠠᠲᠤ ᠪᠠ ᠠᠦ᠋ᠲ᠋ᠣ᠋ ᠶᠠᠪᠠᠭ᠋ᠠᠨ ᠬᠥᠮᠦᠨ᠎ᠤ ᠵᠠᠮ ᠵᠡᠷᠭᠡ ᠪᠠᠢ᠌ᠨ᠎ᠠ᠃ ᠴᠠᠬᠢᠯᠭ᠋ᠠᠨ ᠱᠠᠲᠤ᠎ᠨᠢ ᠮᠠᠨ᠎ᠤ ᠠᠮᠢᠳᠤᠷᠠᠯ᠎ᠢ ᠦᠨᠡᠬᠡᠷ ᠮᠠᠰᠢ ᠣᠯᠠᠨ ᠳᠥᠭᠥᠮ ᠳᠦᠳᠡ ᠪᠣᠯᠭ᠋ᠠᠵᠤ ᠪᠠᠢ᠌ᠭ᠎ᠠ ᠪᠣᠯᠪᠠᠴᠤ ᠪᠠᠰᠠ ᠴᠠᠬᠢᠯᠭ᠋ᠠᠨ ᠱᠠᠲᠤ ᠵᠢ ᠬᠡᠷᠡᠭᠯᠡᠬᠦ ᠠᠮᠤᠷ ᠲᠦᠪᠰᠢᠨ᠎ᠳᠤ ᠮᠠᠰᠢ ᠶᠡᠬᠡ ᠥᠷᠢᠰᠥᠯᠳᠦᠭᠡᠨ ᠲᠤᠯᠭ᠋ᠠᠷᠠᠵᠤ᠂ ᠴᠠᠬᠢᠯᠭ᠋ᠠᠨ ᠱᠠᠲᠤ ᠦᠢ᠍ᠯᠡᠳᠬᠦ᠂ ᠤᠭᠰᠠᠷᠠᠬᠤ᠂ ᠠᠷᠠᠴᠢᠯᠠᠵᠤ ᠬᠠᠮᠠᠭ᠋ᠠᠯᠠᠬᠤ᠂ ᠬᠡᠷᠡᠭᠯᠡᠬᠦ᠂ ᠰᠢᠯᠭ᠋ᠠᠨ ᠪᠠᠶ᠋ᠢᠴᠠᠭ᠋ᠠᠬᠤ᠂ ᠬᠢᠨᠠᠯᠲᠠ ᠲᠠᠯᠪᠢᠬᠤ ᠵᠠᠩᠭᠢᠯᠠᠭ᠎ᠠ ᠨᠢᠭᠡᠪᠦᠷᠢ᠎ᠳᠤ ᠨᠡᠩ ᠥᠨᠳᠥᠷ ᠱᠠᠭ᠋ᠠᠷᠳᠠᠯᠭ᠎ᠠ ᠳᠤᠷᠠᠳᠤᠭᠰᠠᠨ᠎ᠤ ᠬᠠᠮᠲᠤ ᠪᠠᠰᠠ ᠴᠠᠬᠢᠯᠭ᠋ᠠᠨ ᠱᠠᠲᠤ ᠵᠢᠨ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠰᠢᠯᠭ᠋ᠠᠨ ᠪᠠᠶ᠋ᠢᠴᠠᠭ᠋ᠠᠬᠤ ᠳᠦᠷᠢᠮ᠎ᠳᠤ ᠲᠠᠰᠤᠷᠠᠯᠲᠠ ᠦᠭᠡᠶ ᠵᠠᠰᠠᠪᠤᠷᠢ ᠣᠷᠣᠭᠤᠯᠵᠤ᠂ ᠲᠡᠭᠦᠯᠳᠡᠷᠵᠢᠭᠦᠯᠬᠦ ᠵᠢ ᠠᠬᠢᠭᠤᠯᠵᠠᠢ᠃ ᠣᠶ᠋ᠢᠷ᠎ᠠ ᠵᠢᠨ ᠬᠣᠶᠠᠷ ᠵᠢᠯ᠎ᠤᠨ ᠲᠤᠷᠰᠢ᠂ ᠮᠠᠨ᠎ᠤ ᠣᠷᠣᠨ ᠥᠪᠡᠷᠲᠡᠭᠡᠨ ᠵᠠᠰᠠᠬᠤ ᠣᠷᠣᠨ᠎ᠤ ᠬᠠᠤᠯᠢ ᠳᠦᠷᠢᠮ᠎ᠤᠨ ᠠᠯᠪᠠᠨ ᠭᠡᠷ᠎ᠢ ᠬᠠᠮᠵᠢᠨ 《ᠥᠪᠡᠷᠲᠡᠭᠡᠨ ᠵᠠᠰᠠᠬᠤ ᠣᠷᠣᠨ᠎ᠤ ᠴᠠᠬᠢᠯᠭ᠋ᠠᠨ ᠱᠠᠲᠤ ᠵᠢᠨ ᠬᠠᠮᠢᠶᠠᠷᠤᠯᠲᠠ ᠵᠢᠨ ᠠᠷᠭ᠎ᠠ》 ᠵᠢ ᠶᠠᠭ ᠲᠣᠭᠲᠠᠭ᠋ᠠᠵᠤ᠂ ᠴᠠᠬᠢᠯᠭ᠋ᠠᠨ ᠱᠠᠲᠤ ᠵᠢ ᠵᠢᠷᠤᠮᠵᠢᠭᠤᠯᠤᠨ ᠬᠠᠮᠢᠶᠠᠷᠬᠤ ᠵᠢ ᠳᠥᠯᠭᠢᠨ ᠠᠬᠢᠭᠤᠯᠬᠤ᠎ᠪᠠᠷ ᠪᠤᠢ᠃ ᠬᠥᠬᠡᠬᠣᠲᠠ᠎ᠳᠤ ᠳᠡᠭᠡᠷ᠎ᠡ ᠵᠠᠭᠤᠨ᠎ᠤ ᠨᠠᠶᠠᠭ᠋ᠠᠳ ᠣᠨ ᠪᠠ ᠶᠡᠷᠡᠭᠡᠳ ᠣᠨ᠎ᠤ ᠦᠶ᠎ᠡ᠎ᠳᠤ ᠴᠠᠬᠢᠯᠭ᠋ᠠᠨ ᠱᠠᠲᠤ ᠵᠢᠨ ᠲᠣᠭ᠎ᠠ ᠨᠡᠯᠢᠶᠡᠳ ᠴᠥᠭᠡᠨ ᠪᠠᠢ᠌ᠵᠤ᠂ 2003 ᠣᠨ᠎ᠠᠴᠠ ᠡᠬᠢᠯᠡᠨ ᠬᠣᠲᠠ ᠵᠢᠨ ᠪᠦᠲᠦᠭᠡᠨ ᠪᠠᠶ᠋ᠢᠭᠤᠯᠤᠯᠲᠠ ᠲᠦᠷᠭᠡᠨ ᠬᠦᠭᠵᠢᠬᠦ ᠵᠠᠮ᠎ᠳᠤ ᠣᠷᠣᠵᠤ᠂ ᠴᠠᠬᠢᠯᠭ᠋ᠠᠨ ᠱᠠᠲᠤ ᠬᠡᠷᠡᠭᠯᠡᠬᠦ ᠬᠡᠮᠵᠢᠶ᠎ᠡ ᠨᠡᠯᠢᠶᠡᠳ ᠲᠦᠷᠭᠡᠨ ᠨᠡᠮᠡᠭᠳᠡᠭᠰᠡᠨ ᠪᠠᠶ᠋ᠢᠨ᠎ᠠ᠃ ᠤᠴᠢᠷ᠎ᠨᠢ ᠴᠠᠬᠢᠯᠭ᠋ᠠᠨ ᠱᠠᠲᠤ ᠵᠢᠨ ᠶᠡᠬᠡᠩᠬᠢ ᠵᠢ ᠣᠶ᠋ᠢᠷ᠎ᠠ ᠵᠢᠨ ᠬᠡᠳᠦᠨ ᠵᠢᠯ᠎ᠳᠤ ᠠᠰᠢᠭᠯᠠᠯᠲᠠ᠎ᠳᠤ ᠣᠷᠣᠭᠤᠯᠤᠨ ᠬᠡᠷᠡᠭᠯᠡᠵᠦ ᠪᠠᠢ᠌ᠭ᠎ᠠ ᠲᠤᠯᠠ᠂ ᠨᠡᠯᠢᠶᠡᠳ ᠰᠢᠨ᠎ᠡ ᠪᠠᠢ᠌ᠭ᠎ᠠ ᠪᠣᠯᠬᠣᠷ ᠰᠠᠭ᠋ᠠᠳ ᠭᠠᠷᠬᠤ ᠨᠣᠷᠮ᠎ᠠ ᠬᠠᠷᠢᠴᠠᠩᠭᠤᠶ ᠨᠡᠯᠢᠶᠡᠳ ᠳᠣᠣᠷ᠎ᠠ ᠪᠠᠶ᠋ᠢᠨ᠎ᠠ᠃ ᠲᠡᠭᠡᠬᠦ ᠮᠥᠷᠲᠡᠭᠡᠨ ᠡᠳᠡᠭᠡᠷ ᠵᠢᠯ᠎ᠳᠤ ᠵᠠᠷᠢᠮ ᠨᠢᠭᠡᠴᠡ᠎ᠨᠦᠭᠦᠳ ᠬᠠᠭᠤᠴᠢᠨ ᠴᠠᠬᠢᠯᠭ᠋ᠠᠨ ᠱᠠᠲᠤ᠎ᠪᠠᠨ ᠲᠠᠰᠤᠷᠠᠯᠲᠠ ᠦᠭᠡᠢ ᠳᠡᠰ ᠳᠡᠪᠰᠢᠭᠦᠯᠦᠨ᠂ ᠰᠢᠨᠡᠳᠬᠡᠨ ᠵᠠᠰᠠᠬᠤ ᠪᠠ ᠰᠤᠯᠢᠵᠤ᠂ ᠠᠮᠤᠷ ᠲᠦᠪᠰᠢᠨ᠎ᠤ ᠪᠠᠶ᠋ᠢᠳᠠᠯ᠎ᠢ᠎ᠨᠢ ᠱᠠᠭ᠋ᠠᠷᠳᠠᠯᠭ᠎ᠠ᠎ᠳᠤ ᠨᠡᠢ᠌ᠴᠡᠭᠦᠯᠬᠦ ᠵᠢ ᠪᠠᠲᠤᠯᠠᠭᠰᠠᠨ ᠵᠶ᠋ᠡᠷ᠂ ᠴᠠᠬᠢᠯᠭ᠋ᠠᠨ ᠱᠠᠲᠤ ᠵᠢᠨ ᠲᠤᠰ ᠪᠡᠶ᠎ᠡ ᠵᠢᠨ ᠠᠮᠤᠷ ᠲᠦᠪᠰᠢᠨ᠎ᠤ ᠪᠠᠶ᠋ᠢᠳᠠᠯ᠎ᠠᠴᠠ ᠪᠣᠯᠣᠭᠰᠠᠨ ᠡᠨᠳᠡᠯ ᠦᠨᠳᠦᠰᠦᠨ᠎ᠳᠡᠭᠡᠨ ᠭᠠᠷᠤᠭᠰᠠᠨ ᠦᠭᠡᠢ ᠪᠦᠭᠡᠳ ᠪᠦᠬᠦ ᠣᠷᠣᠨ᠎ᠤ ᠴᠠᠬᠢᠯᠭ᠋ᠠᠨ ᠱᠠᠲᠤ ᠵᠢᠨ ᠠᠮᠤᠷ ᠲᠦᠪᠰᠢᠨ᠎ᠤ ᠶᠡᠷᠦᠩᠬᠡᠶ ᠪᠠᠶ᠋ᠢᠳᠠᠯ ᠨᠡᠯᠢᠶᠡᠳ ᠵᠦᠭᠡᠷ ᠪᠠᠢ᠌ᠨ᠎ᠠ᠃
ᠬᠥᠲᠥᠯᠥᠭᠴᠢ᠄
ᠴᠠᠬᠢᠯᠭ᠋ᠠᠨ ᠱᠠᠲᠤ ᠵᠢᠨ ᠠᠮᠤᠷ ᠲᠦᠪᠰᠢᠨ᠎ᠤ ᠠᠰᠠᠭᠤᠳᠠᠯ ᠪᠣᠯ ᠥᠷᠭᠡᠨ ᠣᠯᠠᠨ ᠬᠡᠷᠡᠭᠯᠡᠭᠴᠢᠳ᠎ᠤᠨ ᠰᠡᠳᠬᠢᠯ ᠲᠠᠯᠪᠢᠵᠤ ᠪᠠᠶ᠋ᠢᠭ᠎ᠠ ᠬᠡᠯᠡᠯᠴᠡᠭᠡᠨ ᠶᠡᠬᠡᠲᠡᠢ ᠠᠰᠠᠭᠤᠳᠠᠯ ᠪᠣᠯᠣᠨ᠎ᠠ᠃ ᠰᠣᠨᠣᠰᠬᠤᠯᠠᠷ ᠪᠢᠳᠠ ᠴᠠᠬᠢᠯᠭ᠋ᠠᠨ ᠱᠠᠲᠤ ᠵᠢᠨ ᠬᠡᠷᠡᠭᠯᠡᠯᠲᠡ᠎ᠳᠠᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠭᠰᠠᠨᠤ ᠬᠠᠮᠲᠤ ᠪᠠᠰᠠ ᠴᠠᠬᠢᠯᠭ᠋ᠠᠨ ᠱᠠᠲᠤ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠲᠠᠪᠴᠠᠩ᠎ᠤᠨ ᠲᠥᠪ ᠪᠠᠢ᠌ᠭᠤᠯᠤᠭᠰᠠᠨ ᠪᠠᠶ᠋ᠢᠨ᠎ᠠ᠂ ᠹᠸᠡᠭ ᠳᠠᠷᠤᠭ᠎ᠠ ᠲᠠ ᠲᠠᠪᠴᠠᠩ᠎ᠤᠨ ᠲᠥᠪ᠎ᠤᠨ ᠪᠠᠶ᠋ᠢᠭᠤᠯᠤᠯᠲᠠ ᠵᠢᠨ ᠪᠠᠶ᠋ᠢᠳᠠᠯ᠎ᠢ ᠶᠠᠷᠢᠭ᠋ᠠᠳ ᠥᠭᠭᠥᠨ᠎ᠡ ᠤᠤ᠃
ᠹᠸᠩ ᠶᠸ᠄
ᠲᠤᠰ ᠲᠥᠪ ᠪᠣᠯ ᠭᠣᠣᠯᠳᠠᠭᠤ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠵᠢ ᠵᠢᠯᠣᠭᠤᠳᠬᠤ ᠰᠢᠰᠲ᠋ᠧᠮ᠂ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠥᠷᠲᠡᠭᠡ ᠭᠡᠬᠦ ᠬᠣᠶᠠᠷ ᠬᠡᠰᠡᠭ ᠵᠶ᠋ᠡᠷ ᠪᠦᠷᠢᠯᠳᠦᠭᠰᠡᠨ ᠶᠤᠮ᠃ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠰᠢᠰᠲ᠋ᠧᠮ᠎ᠨᠢ ᠭᠣᠣᠯᠳᠠᠭᠤ ᠨᠠᠢ᠍ᠮᠠᠨ ᠬᠤᠪᠢᠶᠠᠷᠢ ᠰᠢᠰᠲ᠋ᠧᠮ ᠵᠶ᠋ᠡᠷ ᠪᠦᠷᠢᠯᠳᠦᠪᠡ᠃ ᠴᠠᠭ ᠴᠠᠭᠲᠤᠨᠢ ᠬᠢᠨᠠᠨ ᠡᠵᠡᠮᠳᠡᠬᠦ᠂ ᠠᠪᠢᠶ᠎ᠠ᠎ᠪᠠᠷ ᠲᠤᠬᠤᠷᠤᠭᠤᠯᠬᠤ᠂ ᠴᠠᠬᠢᠯᠭ᠋ᠠᠨ ᠱᠠᠲᠤ ᠵᠢᠨ ᠠᠵᠢᠯᠯᠠᠭ᠋ᠠᠨ᠎ᠤ ᠰᠠᠭ᠋ᠠᠳ᠎ᠢ ᠴᠠᠭ ᠴᠠᠭᠲᠤᠨᠢ ᠳᠠᠮᠵᠢᠭᠤᠯᠬᠤ᠂ ᠡ᠊ᠨᠳᠡᠯ᠎ᠤᠨ ᠶᠠᠪᠤᠴᠠ ᠵᠢᠨ ᠪᠦᠬᠦ ᠥᠩᠭᠡᠷᠡᠯᠲᠡ ᠵᠢ ᠲᠡᠮᠳᠡᠭᠯᠡᠬᠦ᠂ ᠴᠠᠬᠢᠯᠭ᠋ᠠᠨ ᠱᠠᠲᠤ ᠵᠢᠨ ᠠᠵᠢᠯᠯᠠᠭ᠋ᠠᠨ᠎ᠤ ᠲᠣᠭ᠎ᠠ ᠪᠠᠷᠢᠮᠲᠠ ᠵᠢ ᠪᠦᠷᠢᠳᠬᠡᠬᠦ᠂ ᠰᠡᠯᠪᠢᠨ ᠵᠠᠰᠠᠵᠤ ᠠᠷᠠᠴᠢᠯᠠᠬᠤ᠎ᠳᠤ ᠬᠢᠨᠠᠯᠲᠠ ᠲᠠᠯᠪᠢᠬᠤ ᠰᠢᠰᠲ᠋ᠧᠮ ᠪᠠᠶ᠋ᠢᠭᠤᠯᠬᠤ᠂ ᠣᠯᠠᠨ ᠲᠠᠰ᠎ᠳᠤ ᠴᠠᠬᠢᠯᠭ᠋ᠠᠨ ᠱᠠᠲᠤ ᠵᠢᠨ ᠪᠤᠳᠠᠰᠯᠢᠭ ᠬᠣᠯᠪᠤᠭ᠋ᠠᠲᠤ ᠰᠦᠯᠵᠢᠶ᠎ᠡ ᠪᠠᠶ᠋ᠢᠭᠤᠯᠬᠤ ᠵᠡᠷᠭᠡ ᠴᠢᠳᠠᠮᠵᠢ ᠵᠢ ᠪᠡᠶᠡᠯᠡᠭᠦᠯᠬᠦ᠎ᠪᠠᠷ ᠳᠠᠮᠵᠢᠭᠤᠯᠤᠨ᠂ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ᠎ᠳᠤ ᠬᠦᠷᠴᠦ᠂ ᠡᠴᠦᠰ᠎ᠲᠤᠨᠢ 《ᠬᠠᠮᠤᠭ᠎ᠤᠨ ᠲᠡᠷᠢᠭᠦᠨ᠎ᠳᠤ ᠮᠡᠳᠡᠭᠡ ᠵᠠᠩᠭᠢ ᠵᠢ ᠡᠵᠡᠮᠰᠢᠬᠦ᠂ ᠬᠠᠮᠤᠭ᠎ᠤᠨ ᠲᠡᠷᠢᠭᠦᠨ᠎ᠳᠤ ᠵᠠᠷᠯᠢᠭ ᠭᠠᠷᠭ᠋ᠠᠬᠤ᠂ ᠬᠠᠮᠤᠭ᠎ᠤᠨ ᠲᠡᠷᠢᠭᠦᠨ᠎ᠳᠤ ᠠᠪᠤᠷᠠᠨ ᠲᠤᠰᠠᠯᠠᠬᠤ᠂ ᠬᠠᠮᠤᠭ᠎ᠤᠨ ᠲᠡᠷᠢᠭᠦᠨ᠎ᠳᠤ ᠪᠠᠢ᠌ᠴᠠᠭ᠋ᠠᠨ ᠰᠢᠢ᠍ᠳᠪᠦᠷᠢᠯᠡᠬᠦ》 ᠵᠣᠷᠢᠯᠭ᠎ᠠ᠎ᠳᠤ ᠬᠦᠷᠦᠬᠦ ᠪᠣᠯᠣᠨ᠎ᠠ᠃ ᠡᠨᠡ ᠵᠢᠯ ᠮᠠᠨ᠎ᠤ ᠲᠣᠪᠴᠢᠶ᠎ᠠ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ᠂ ᠦᠬᠠᠶ ᠬᠣᠲᠠ᠂ ᠬᠢᠩᠭ᠋ᠠᠨ ᠠᠶ᠋ᠢᠮᠠᠭ᠎ᠢ ᠡᠩ ᠲᠡᠷᠢᠭᠦᠨ᠎ᠳᠤ ᠲᠠᠪᠴᠠᠩ᠎ᠤᠨ ᠪᠠᠢ᠌ᠭᠤᠯᠤᠯᠲᠠ ᠵᠢ ᠪᠡᠶᠡᠯᠡᠭᠦᠯᠬᠦ ᠵᠢ ᠱᠠᠭ᠋ᠠᠷᠳᠠᠪᠠ᠃
ᠬᠥᠲᠥᠯᠥᠭᠴᠢ᠄
ᠪᠢᠳᠡ ᠶᠠᠭᠤᠨ᠎ᠤ ᠤᠴᠢᠷ᠎ᠠᠴᠠ ᠴᠠᠬᠢᠯᠭ᠋ᠠᠨ ᠱᠠᠲᠤ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠰᠢᠢ᠍ᠳᠪᠦᠷᠢᠯᠡᠬᠦ ᠦᠢ᠍ᠯᠡᠴᠢᠯᠡᠭᠡᠨ᠎ᠤ ᠲᠠᠪᠴᠠᠩ᠎ᠢ ᠪᠠᠶ᠋ᠢᠭᠤᠯᠬᠤ ᠬᠡᠷᠡᠭᠲᠡᠶ ᠪᠤᠶ? ᠶᠠᠮᠠᠷ ᠠᠴᠢ ᠬᠣᠯᠪᠣᠭᠳᠠᠯ᠎ᠲᠠᠢ ᠪᠤᠶ?
ᠹᠸᠩ ᠶᠸ᠄
ᠳᠤᠮᠳᠠᠳᠤ ᠤᠯᠤᠰ ᠣᠳᠣ ᠨᠢᠭᠡᠨᠲᠡ ᠳᠡᠯᠡᠬᠡᠶ ᠳᠡᠭᠡᠷ᠎ᠡ ᠴᠠᠬᠢᠯᠭ᠋ᠠᠨ ᠱᠠᠲᠤ᠎ᠲᠠᠢ ᠪᠠᠢ᠌ᠬᠤ ᠬᠡᠮᠵᠢᠶ᠎ᠡ᠎ᠪᠠᠷ ᠬᠠᠮᠤᠭ᠎ᠤᠨ ᠶᠡᠬᠡ ᠤᠯᠤᠰ ᠪᠣᠯᠵᠠᠢ᠂ 2014 ᠣᠨ᠎ᠤ ᠡᠴᠦᠰ ᠪᠣᠯᠲᠠᠯ᠎ᠠ᠂ ᠪᠦᠬᠦ ᠤᠯᠤᠰ᠎ᠤᠨ ᠬᠡᠷᠡᠭᠯᠡᠵᠦ ᠪᠠᠢ᠌ᠭ᠎ᠠ ᠴᠠᠬᠢᠯᠭ᠋ᠠᠨ ᠱᠠᠲᠤ 360 ᠲᠦᠮᠡᠨ ᠰᠠᠤᠷᠢ ᠵᠢ ᠳᠠᠪᠠᠵᠤ᠂ ᠥᠪᠥᠷ ᠮᠣᠩᠭᠣᠯ ᠣᠷᠣᠨ᠎ᠤ ᠴᠠᠬᠢᠯᠭ᠋ᠠᠨ ᠱᠠᠲᠤ ᠵᠢᠨ ᠲᠣᠭ᠎ᠠ ᠬᠡᠮᠵᠢᠶ᠎ᠡ ᠨᠢᠳᠤᠨᠤᠨ᠎ᠤ ᠵᠢᠯ᠎ᠤᠨ ᠡᠴᠦᠰ᠎ᠲᠤ 54239 ᠰᠠᠤᠷᠢ᠎ᠳᠤ ᠬᠦᠷᠴᠦ᠂ ᠴᠠᠬᠢᠯᠭ᠋ᠠᠨ ᠱᠠᠲᠤ᠎ᠨᠢ ᠬᠥᠮᠦᠰ᠎ᠤᠨ ᠭᠠᠷᠴᠤ ᠣᠷᠤᠬᠤ ᠴᠢᠬᠤᠯᠠ ᠪᠠᠭ᠋ᠠᠵᠢ ᠪᠣᠯᠣᠭᠰᠠᠨ ᠪᠠᠢ᠌ᠨ᠎ᠠ᠃ ᠴᠠᠬᠢᠯᠭ᠋ᠠᠨ ᠱᠠᠲᠤ ᠵᠢᠨ ᠠᠵᠢᠯᠯᠠᠭ᠋ᠠᠨ᠎ᠤ ᠠᠶᠤᠯ ᠦᠭᠡᠢ ᠡᠰᠡᠬᠦ᠎ᠨᠢ ᠣᠯᠠᠨ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠬᠢᠭᠡᠳ ᠠᠮᠢᠳᠤᠷᠠᠯ᠎ᠤᠨ ᠶᠠᠰᠤ ᠴᠢᠨᠠᠷ᠎ᠲᠤ ᠰᠢᠭᠤᠳ ᠬᠣᠯᠪᠤᠭᠳᠠᠵᠤ ᠪᠠᠢ᠌ᠳᠠᠭ᠃
ᠴᠠᠬᠢᠯᠭ᠋ᠠᠨ ᠱᠠᠲᠤ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠰᠢᠢ᠍ᠳᠪᠦᠷᠢᠯᠡᠬᠦ ᠦᠢ᠍ᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ ᠪᠣᠯ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠴᠢᠩᠭ᠋ᠠᠳᠬᠠᠨ᠂ ᠣᠯᠠᠨ ᠲᠦᠮᠡᠨ᠎ᠤ ᠴᠠᠬᠢᠯᠭ᠋ᠠᠨ ᠱᠠᠲᠤ᠎ᠳᠤ ᠰᠠᠭᠤᠬᠤ᠎ᠳᠤ ᠠᠮᠤᠷ ᠲᠦᠪᠰᠢᠨ ᠭᠠᠷᠬᠤ ᠵᠢᠨ ᠵᠠᠶ᠋ᠢᠯᠠᠰᠢ ᠦᠭᠡᠶ ᠱᠠᠭ᠋ᠠᠷᠳᠠᠯᠭ᠎ᠠ ᠵᠢ ᠬᠠᠩᠭ᠋ᠠᠬᠤ ᠪᠣᠯᠣᠨ᠎ᠠ᠃ ᠣᠳᠣᠬᠠᠨ᠎ᠳᠤ᠂ ᠵᠠᠷᠢᠮ ᠴᠠᠬᠢᠯᠭ᠋ᠠᠨ ᠱᠠᠲᠤ ᠵᠢᠨ ᠬᠠᠮᠢᠶᠠᠷᠤᠯᠲᠠ ᠪᠣᠯᠣᠨ ᠬᠠᠮᠠᠭ᠋ᠠᠯᠠᠯᠲᠠ᠎ᠨᠢ ᠬᠦᠷᠦᠯᠴᠡᠬᠦ ᠦᠭᠡᠢ᠎ᠠᠴᠠ ᠪᠣᠯᠵᠤ᠂ ᠴᠠᠬᠢᠯᠭ᠋ᠠᠨ ᠱᠠᠲᠤ᠎ᠳᠤ ᠬᠥᠮᠥᠨ ᠬᠣᠷᠢᠭᠳᠠᠬᠤ ᠵᠡᠷᠭᠡ ᠡᠨᠳᠡᠯ ᠪᠠᠶ᠋ᠢᠨ ᠳᠠᠬᠢᠨ ᠭᠠᠷᠴᠤ᠂ ᠴᠠᠬᠢᠯᠭ᠋ᠠᠨ ᠱᠠᠲᠤ ᠵᠢ ᠬᠠᠮᠠᠭ᠋ᠠᠯᠠᠵᠤ ᠠᠷᠠᠴᠢᠯᠠᠬᠤ ᠵᠠᠷᠢᠮ ᠨᠢᠭᠡᠴᠡ᠎ᠨᠢ ᠪᠠᠭ᠎ᠠ᠂ ᠲᠠᠷᠠᠬᠠᠢ᠂ ᠡᠮᠬᠢ ᠵᠠᠮᠪᠠᠷᠠᠭ᠎ᠠ ᠦᠭᠡᠢ ᠪᠠᠢ᠌ᠵᠤ᠂ ᠲᠤᠬᠠᠶ ᠵᠢᠨ ᠲᠠᠯᠠᠪᠠᠢ᠎ᠳᠤ ᠲᠣᠭᠲᠠᠭᠰᠠᠨ ᠴᠠᠭ᠎ᠲᠠᠭᠠᠨ ᠬᠦᠷᠴᠦ ᠠᠪᠤᠷᠠᠨ ᠲᠤᠰᠠᠯᠠᠵᠤ ᠳᠡᠢ᠌ᠯᠬᠦ ᠦᠭᠡᠢ᠎ᠠᠴᠠ ᠪᠣᠯᠵᠤ᠂ ᠬᠦᠮᠦᠰ ᠴᠠᠬᠢᠯᠭ᠋ᠠᠨ ᠱᠠᠲᠤᠨ᠎ᠳᠤ ᠨᠡᠯᠢᠶᠡᠳ ᠤᠷᠲᠤ ᠴᠠᠭ ᠵᠶ᠋ᠠᠷ ᠬᠣᠷᠢᠭᠳᠠᠵᠤ᠂ ᠴᠠᠬᠢᠯᠭ᠋ᠠᠨ ᠱᠠᠲᠤ ᠵᠢᠨ ᠠᠮᠤᠷ ᠲᠦᠪᠰᠢᠨ᠎ᠳᠤ ᠣᠯᠠᠨ ᠲᠦᠮᠡᠨ ᠰᠡᠵᠢᠭ ᠲᠦᠷᠦᠵᠦ ᠠᠢ᠌ᠳᠠᠰ ᠲᠦᠷᠦᠬᠦ ᠪᠣᠯᠣᠭᠰᠠᠨ ᠪᠠᠢ᠌ᠨ᠎ᠠ᠃ ᠴᠠᠬᠢᠯᠭ᠋ᠠᠨ ᠱᠠᠲᠤ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠰᠢᠢ᠍ᠳᠪᠦᠷᠢᠯᠡᠬᠦ ᠦᠢ᠍ᠯᠡᠴᠢᠯᠡᠭᠡᠨ᠎ᠤ ᠲᠠᠪᠴᠠᠩ ᠵᠶ᠋ᠡᠷ ᠳᠠᠮᠵᠢᠭᠤᠯᠤᠨ᠂ ᠴᠠᠬᠢᠯᠭ᠋ᠠᠨ ᠱᠠᠲᠤ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠵᠦ᠂ ᠬᠦᠮᠦᠰ ᠴᠠᠬᠢᠯᠭ᠋ᠠᠨ ᠱᠠᠲᠤᠨ᠎ᠳᠤ ᠬᠣᠷᠢᠭᠳᠠᠭᠰᠠᠨᠤ ᠳᠠᠷᠠᠭ᠎ᠠ ᠲᠥᠷᠭᠡᠨ ᠠᠪᠤᠷᠠᠭᠳᠠᠬᠤ ᠵᠢ ᠪᠠᠲᠤᠯᠠᠨ᠎ᠠ᠃
ᠹᠸᠩ ᠶᠸ᠄
ᠴᠠᠬᠢᠯᠭ᠋ᠠᠨ ᠱᠠᠲᠤ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠰᠢᠢ᠍ᠳᠪᠦᠷᠢᠯᠡᠬᠦ ᠦᠢ᠍ᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ᠎ᠨᠢ ᠮᠦᠨᠴᠦ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢ ᠬᠣᠪᠢᠷᠠᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠵᠠᠭᠪᠤᠷ᠎ᠲᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠪᠤᠳᠠᠳᠤ ᠬᠡᠷᠡᠭᠴᠡᠭᠡ ᠪᠣᠯᠣᠨ᠎ᠠ᠃ 《96116》 ᠴᠠᠬᠢᠯᠭ᠋ᠠᠨ ᠱᠠᠲᠤ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠰᠢᠢ᠍ᠳᠪᠦᠷᠢᠯᠡᠬᠦ ᠦᠢ᠍ᠯᠡᠴᠢᠯᠡᠭᠡᠨ᠎ᠤ ᠲᠠᠪᠴᠠᠩ᠎ᠨᠢ ᠴᠠᠬᠢᠯᠭ᠋ᠠᠨ ᠱᠠᠲᠤ ᠵᠢᠨ ᠠᠮᠤᠷ ᠲᠦᠪᠰᠢᠨ᠎ᠤ ᠪᠠᠶ᠋ᠢᠳᠠᠯ᠎ᠤᠨ ᠮᠡᠳᠡᠭᠡ ᠵᠠᠩᠭᠢ ᠪᠣᠯᠣᠨ ᠴᠠᠬᠢᠯᠭ᠋ᠠᠨ ᠱᠠᠲᠤ ᠵᠢ ᠬᠠᠮᠠᠭ᠋ᠠᠯᠠᠵᠤ ᠠᠷᠠᠴᠢᠯᠠᠬᠤ ᠨᠢᠭᠡᠴᠡ ᠵᠢᠨ ᠪᠤᠲᠠᠲᠠᠢ ᠠᠵᠢᠯ᠎ᠤᠨ ᠪᠠᠶ᠋ᠢᠳᠠᠯ᠎ᠢ ᠬᠥᠳᠡᠯᠦᠩᠭᠦᠢ᠎ᠪᠠᠷ ᠲᠤᠰᠬᠠᠨ᠂ ᠲᠣᠭ᠎ᠠ ᠪᠠᠷᠢᠮᠲᠠ ᠵᠢ ᠲᠣᠳᠣᠷᠬᠠᠶ᠂ ᠪᠠᠶ᠋ᠢᠳᠠᠯ᠎ᠢ ᠢᠯᠡ ᠪᠣᠯᠭ᠋ᠠᠵᠤ᠂ ᠶᠠᠪᠤᠴᠠ᠎ᠳᠤ᠂ ᠶᠠᠪᠤᠴᠠ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠬᠤ ᠬᠦᠴᠦᠲᠡᠶ ᠭᠠᠷᠳᠠᠴᠠ ᠪᠣᠯᠬᠤ ᠮᠥᠷᠲᠡᠭᠡᠨ ᠪᠠᠰᠠ ᠡ᠊ᠨᠳᠡᠯ᠎ᠢ ᠡᠵᠡᠮᠳᠡᠬᠦ᠎ᠠᠴᠠ ᠠᠪᠤᠭ᠋ᠠᠳ ᠰᠠᠭ᠋ᠠᠳ᠎ᠢ ᠡᠵᠡᠮᠳᠡᠬᠦ ᠬᠦᠷᠲᠡᠯ᠎ᠡ ᠨᠥᠬᠥᠴᠡᠯ ᠪᠦᠷᠢᠳᠦᠭᠦᠯᠵᠦ ᠥᠭᠭᠦᠭᠰᠡᠨ ᠪᠠᠶ᠋ᠢᠨ᠎ᠠ᠃ ᠡᠭᠦᠨ᠎ᠤ ᠬᠠᠮᠲᠤ᠂ ᠨᠡᠶ᠋ᠢᠭᠡᠮ ᠨᠡᠶ᠋ᠢᠲᠡ᠎ᠳᠤ ᠴᠠᠬᠢᠯᠭ᠋ᠠᠨ ᠱᠠᠲᠤ ᠵᠢᠨ ᠠᠮᠤᠷ ᠲᠦᠪᠰᠢᠨ᠎ᠤ ᠪᠠᠶ᠋ᠢᠳᠠᠯ ᠵᠡᠷᠭᠡ ᠮᠡᠳᠡᠭᠡ ᠵᠠᠩᠭᠢ ᠵᠢ ᠨᠡᠢ᠌ᠲᠡᠯᠡᠬᠦ᠎ᠪᠠᠷ ᠳᠠᠮᠵᠢᠭᠤᠯᠤᠨ᠂ ᠨᠡᠶ᠋ᠢᠭᠡᠮ᠎ᠤᠨ ᠬᠢᠨᠠᠯᠲᠠ ᠲᠠᠯᠪᠢᠬᠤ ᠪᠠ ᠵᠠᠬ᠎ᠠ ᠳᠡᠯᠭᠡᠭᠦᠷ᠎ᠤᠨ ᠰᠢᠯᠢᠳᠡᠭ᠎ᠨᠢ ᠢᠯᠠᠵᠤ ᠰᠢᠭ᠋ᠠᠷᠤ᠎ᠨᠢ ᠰᠢᠭᠰᠢᠭᠳᠡᠬᠦ ᠲᠣᠭᠲᠠᠴᠠ ᠵᠢ ᠪᠠᠳᠠᠷᠠᠭᠤᠯᠤᠨ᠂ ᠵᠠᠬ᠎ᠠ ᠳᠡᠯᠭᠡᠭᠦᠷ᠎ᠤᠨ ᠬᠡᠯᠪᠡᠷᠢ ᠦᠭᠡᠶ ᠭᠠᠷ ᠵᠶ᠋ᠠᠷ ᠠᠳᠠᠯ ᠠᠬᠤᠶ᠂ ᠬᠠᠮᠠᠭ᠋ᠠᠯᠠᠵᠤ ᠠᠷᠠᠴᠢᠯᠠᠬᠤ ᠵᠡᠷᠭᠡ ᠨᠢᠭᠡᠴᠡ ᠵᠢ ᠬᠡᠳᠡᠷᠬᠦᠦ ᠰᠢᠬᠠᠮᠳᠠᠭᠤᠯᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠵᠠᠭᠪᠤᠷ᠎ᠤᠨ ᠰᠢᠨ᠎ᠡ ᠵᠢ ᠡᠭᠦᠳᠬᠦ ᠵᠢ ᠠᠬᠢᠭᠤᠯᠵᠤ᠂ ᠣᠯᠠᠨ ᠰᠠᠯᠠᠭ᠎ᠠ ᠮᠥᠴᠢᠷ ᠶᠡᠷᠦᠩᠬᠡᠶ᠋ᠢᠯᠡᠨ ᠬᠢᠨᠠᠨ ᠬᠠᠮᠢᠶᠠᠷᠬᠤ ᠲᠣᠭᠲᠠᠴᠠ ᠵᠢ ᠪᠤᠶ ᠪᠣᠯᠭ᠋ᠠᠬᠤ ᠵᠢ ᠳᠥᠯᠭᠢᠨ ᠠᠬᠢᠭᠤᠯᠪᠠ᠃
ᠬᠥᠲᠥᠯᠥᠭᠴᠢ᠄
ᠹᠸᠩ ᠳᠠᠷᠤᠭ᠎ᠠ ᠡ᠂ ᠲᠠ ᠴᠠᠬᠢᠯᠭ᠋ᠠᠨ ᠱᠠᠲᠤ ᠵᠢᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠦᠢ᠍ᠯᠡᠴᠢᠯᠡᠭᠡᠨ᠎ᠤ ᠲᠠᠪᠴᠠᠩ᠎ᠤᠨ ᠴᠢᠳᠠᠮᠵᠢ ᠵᠢ ᠥᠷᠭᠡᠨ ᠣᠯᠠᠨ ᠰᠦᠯᠵᠢᠶᠡᠨ ᠨᠠᠶ᠋ᠢᠵᠠ ᠨᠡᠷ ᠲᠠᠨᠢᠯᠴᠠᠭᠤᠯᠵᠤ ᠥᠭᠭᠦᠨ᠎ᠡ ᠦᠦ!
ᠹᠸᠩ ᠶᠸ᠄
ᠵᠠ᠃ ᠴᠠᠬᠢᠯᠭ᠋ᠠᠨ ᠱᠠᠲᠤ ᠵᠢᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠦᠢ᠍ᠯᠡᠴᠢᠯᠡᠭᠡᠨ᠎ᠤ ᠲᠠᠪᠴᠠᠩ᠎ᠤᠨ ᠴᠢᠳᠠᠮᠵᠢ᠄ ᠨᠢᠭᠡ᠎ᠳᠤ ᠪᠠᠴᠢᠮ ᠪᠠᠶ᠋ᠢᠳᠠᠯ᠎ᠢ ᠠᠷᠭ᠋ᠠᠴᠠᠵᠤ ᠵᠣᠬᠢᠴᠠᠭᠤᠯᠤᠨ ᠵᠢᠯᠣᠭᠣᠳᠬᠤ ᠴᠢᠳᠠᠮᠵᠢ ᠵᠢ ᠪᠠᠳᠠᠷᠠᠭᠤᠯᠤᠨ᠎ᠠ᠃ ᠬᠦᠮᠦᠰ ᠴᠠᠬᠢᠯᠭ᠋ᠠᠨ ᠱᠠᠲᠤᠨ᠎ᠳᠤ ᠬᠣᠷᠢᠭᠳᠠᠭᠰᠠᠨ ᠳ᠋ᠢᠶᠠᠩᠬᠤᠸᠠ ᠵᠢ ᠲᠤᠰᠤᠭᠰᠠᠨ᠎ᠤ ᠳᠠᠷᠠᠭ᠎ᠠ᠂ ᠴᠠᠬᠢᠯᠭ᠋ᠠᠨ ᠱᠠᠲᠤᠨ᠎ᠤ ᠭᠡᠷ᠎ᠡ ᠲᠤᠭᠲᠠᠭᠰᠠᠨ ᠨᠢᠭᠡᠴᠡ ᠴᠠᠬᠢᠯᠭ᠋ᠠᠨ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠵᠢ ᠳᠠᠭ᠋ᠠᠵᠤ ᠬᠢᠬᠦ ᠳᠡᠰ ᠳᠠᠷᠠᠭ᠋ᠠᠯᠠᠯ ᠬᠢᠭᠡᠳ ᠴᠠᠭ ᠬᠤᠭᠤᠴᠠᠭ᠋ᠠᠨ᠎ᠤ ᠱᠠᠭ᠋ᠠᠷᠳᠠᠯᠭ᠎ᠠ ᠶᠣᠰᠣᠭ᠋ᠠᠷ ᠠᠪᠤᠷᠠᠨ ᠲᠤᠰᠠᠯᠠᠬᠤ ᠵᠢ ᠵᠢᠯᠣᠭᠤᠳᠬᠤ ᠵᠢᠨ ᠬᠠᠮᠲᠤ ᠬᠢᠨᠠᠯᠲᠠ ᠲᠠᠯᠪᠢᠨ᠎ᠠ; ᠬᠠᠮᠠᠭ᠋ᠠᠯᠠᠨ ᠠᠷᠠᠴᠢᠯᠠᠬᠤ ᠨᠢᠭᠡᠴᠡ ᠵᠢᠨ᠎ᠬᠢᠨ ᠴᠠᠭ ᠲᠤᠬᠠᠶ᠎ᠳᠤᠨᠢ ᠠᠪᠤᠷᠠᠨ ᠲᠤᠰᠠᠯᠠᠵᠤ ᠲᠡᠢ᠌ᠯᠬᠦ ᠦᠭᠡᠢ ᠪᠣᠯ᠂ ᠣᠶ᠋ᠢᠷ᠎ᠠ ᠬᠠᠪᠢ ᠵᠢᠨ ᠪᠤᠰᠤᠳ ᠴᠠᠬᠢᠯᠭ᠋ᠠᠨ ᠱᠠᠲᠤ ᠬᠠᠮᠠᠭ᠋ᠠᠯᠠᠨ ᠠᠷᠠᠴᠢᠯᠠᠬᠤ ᠨᠢᠭᠡᠴᠡ ᠪᠤᠶᠤ ᠳᠣᠲᠣᠭ᠋ᠠᠳᠤ ᠵᠢ ᠬᠠᠮᠠᠭ᠋ᠠᠯᠠᠬᠤ ᠭᠠᠯ ᠤᠨᠲᠠᠷᠠᠭ᠋ᠠᠬᠤ ᠵᠡᠷᠭᠡ ᠠᠪᠤᠷᠠᠨ ᠲᠤᠰᠠᠯᠠᠬᠤ ᠬᠦᠴᠦᠨ᠎ᠢ ᠵᠣᠬᠢᠴᠠᠭᠤᠯᠤᠨ᠂ ᠠᠮᠤᠷ ᠲᠥᠪᠰᠢᠨ᠂ ᠲᠦᠷᠭᠡᠨ᠂ ᠰᠢᠨᠵᠢᠯᠡᠬᠦ ᠤᠬᠠᠭ᠋ᠠᠨᠴᠢ᠎ᠪᠠᠷ ᠠᠪᠤᠷᠠᠨ ᠲᠤᠰᠠᠯᠠᠵᠤ᠂ ᠬᠦᠮᠦᠰ᠎ᠤᠨ ᠴᠠᠬᠢᠯᠭ᠋ᠠᠨ ᠱᠠᠲᠤᠨ᠎ᠳᠤ ᠬᠣᠷᠢᠭᠳᠠᠬᠤ ᠴᠠᠭ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠣᠭᠤᠨᠢᠰᠬᠠᠨ᠎ᠠ᠃ ᠬᠣᠶᠠᠷ᠎ᠲᠤ ᠯᠠᠪᠯᠠᠭ᠎ᠠ ᠦᠭᠬᠦ ᠦᠢ᠍ᠯᠡᠴᠢᠯᠡᠭᠡᠨ᠎ᠤ ᠴᠢᠳᠠᠮᠵᠢ ᠵᠢ ᠪᠠᠳᠠᠷᠠᠭᠤᠯᠤᠨ᠎ᠠ᠃ ᠴᠠᠬᠢᠯᠭ᠋ᠠᠨ ᠱᠠᠲᠤ ᠵᠢᠨ ᠠᠮᠤᠷ ᠲᠥᠪᠰᠢᠨ᠎ᠤ ᠲᠣᠬᠠᠢ ᠣᠯᠠᠨ ᠲᠦᠮᠡᠨ᠎ᠤ ᠯᠠᠪᠯᠠᠭ᠎ᠠ ᠠᠪᠬᠤ᠂ ᠵᠠᠭ᠋ᠠᠯᠳᠤᠯᠭ᠎ᠠ ᠬᠢᠬᠦ ᠪᠠ ᠢᠯᠡᠴᠢᠯᠡᠨ ᠮᠡᠳᠡᠭᠦᠯᠦᠭᠰᠡᠨ᠎ᠢ ᠬᠦᠯᠢᠶᠡᠨ ᠠᠪᠴᠤ᠂ ᠣᠯᠠᠨ ᠲᠦᠮᠡᠨ᠎ᠤ ᠴᠠᠬᠢᠯᠭ᠋ᠠᠨ ᠱᠠᠲᠤ ᠬᠡᠷᠡᠭᠯᠡᠬᠦ᠎ᠳᠠᠬᠢ ᠠᠮᠤᠷ ᠲᠥᠪᠰᠢᠨ᠎ᠤ ᠠᠰᠠᠭᠤᠳᠠᠯ᠎ᠳᠤ ᠬᠠᠷᠢᠭᠤᠯᠲᠠ ᠥᠭᠬᠦ ᠪᠠ ᠵᠣᠬᠢᠴᠠᠭᠤᠯᠤᠨ ᠰᠢᠢ᠍ᠳᠪᠦᠷᠢᠯᠡᠵᠦ᠂ ᠴᠠᠬᠢᠯᠭ᠋ᠠᠨ ᠱᠠᠲᠤ ᠵᠢ ᠠᠷᠠᠴᠢᠯᠠᠵᠤ ᠬᠠᠮᠠᠭ᠋ᠠᠯᠠᠬᠤ᠂ ᠳᠣᠲᠣᠭ᠋ᠠᠳᠤ ᠵᠢ ᠬᠠᠮᠠᠭ᠋ᠠᠯᠠᠬᠤ ᠭᠠᠯ ᠤᠨᠲᠠᠷᠠᠭ᠋ᠠᠬᠤ ᠵᠡᠷᠭᠡ ᠠᠪᠤᠷᠠᠨ ᠲᠤᠰᠠᠯᠠᠬᠤ ᠬᠦᠴᠦᠨ᠎ᠳᠤ ᠴᠠᠬᠢᠯᠭ᠋ᠠᠨ ᠱᠠᠲᠤ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠪᠣᠯᠪᠠᠰᠤᠷᠠᠭᠤᠯᠤᠯ ᠪᠠ ᠮᠡᠷᠭᠡᠵᠢᠯ ᠵᠶ᠋ᠡᠷ ᠵᠢᠯᠣᠭᠣᠳᠣᠯᠭ᠎ᠠ ᠬᠢᠵᠦ᠂ ᠶᠠᠰᠤ ᠴᠢᠨᠠᠷ᠎ᠲᠤ ᠮᠡᠷᠭᠡᠵᠢᠯ ᠵᠶ᠋ᠡᠷ ᠬᠢᠨᠠᠯᠲᠠ ᠲᠠᠯᠪᠢᠬᠤ ᠰᠢᠰᠲ᠋ᠧᠮ᠎ᠤᠨ ᠣᠯᠠᠨ ᠲᠦᠮᠡᠨ᠎ᠳᠤ ᠦᠢ᠍ᠯᠡᠴᠢᠯᠡᠬᠦ᠂ ᠨᠡᠶ᠋ᠢᠭᠡᠮ᠎ᠳᠤ ᠦᠢ᠍ᠯᠡᠴᠢᠯᠡᠬᠦ ᠴᠣᠩᠬᠣ ᠪᠣᠯᠭ᠋ᠠᠨ᠎ᠠ᠃ ᠭᠤᠷᠪᠠ᠎ᠳᠤ ᠲᠦᠭᠰᠢᠭᠦᠷᠢ ᠵᠢ ᠬᠢᠨᠠᠨ ᠡᠵᠡᠮᠳᠡᠬᠦ ᠴᠢᠳᠠᠪᠤᠷᠢ ᠵᠢ ᠪᠠᠳᠠᠷᠠᠭᠤᠯᠤᠨ᠎ᠠ᠃ ᠴᠠᠬᠢᠯᠭ᠋ᠠᠨ ᠱᠠᠲᠤᠨ᠎ᠳᠤ ᠬᠥᠮᠥᠨ ᠬᠣᠷᠢᠭᠳᠠᠬᠤ ᠵᠡᠷᠭᠡ ᠰᠠᠭ᠋ᠠᠳ᠎ᠤᠨ ᠲᠣᠭ᠎ᠠ ᠪᠠᠷᠢᠮᠲᠠ ᠵᠢ ᠴᠠᠭ ᠲᠣᠬᠠᠢᠳᠤᠨᠢ ᠪᠦᠷᠢᠳᠬᠡᠬᠦ ᠪᠠ ᠵᠠᠳᠠᠯᠤᠯᠲᠠ ᠬᠢᠵᠦ᠂ ᠲᠦᠭᠰᠢᠭᠦᠷᠢ ᠵᠢ ᠬᠢᠨᠠᠨ ᠬᠡᠮᠵᠢᠬᠦ ᠠᠵᠢᠯ ᠦᠷᠨᠢᠭᠦᠯᠵᠦ᠂ ᠴᠠᠭ ᠲᠤᠬᠠᠶ᠎ᠳᠤᠨᠢ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠵᠦ᠂ ᠲᠥᠷᠥᠯ ᠬᠤᠪᠢᠶᠠᠨ ᠬᠢᠨᠠᠨ ᠬᠠᠮᠢᠶᠠᠷᠬᠤ ᠵᠢ ᠬᠡᠷᠡᠭᠵᠢᠭᠦᠯᠦᠨ᠂ ᠴᠠᠬᠢᠯᠭ᠋ᠠᠨ ᠱᠠᠲᠤ ᠵᠢᠨ ᠠᠮᠤᠷ ᠲᠦᠪᠰᠢᠨ᠎ᠢ ᠬᠥᠳᠡᠯᠦᠩᠭᠦᠶ ᠬᠢᠨᠠᠨ ᠬᠠᠮᠢᠶᠠᠷᠬᠤ ᠪᠠ ᠰᠢᠨᠵᠢᠯᠡᠬᠦ ᠤᠬᠠᠭ᠋ᠠᠨᠴᠢ᠎ᠪᠠᠷ ᠬᠢᠨᠠᠨ ᠬᠠᠮᠢᠶᠠᠷᠬᠤ ᠵᠢ ᠪᠡᠶᠡᠯᠡᠭᠦᠯᠦᠨ᠎ᠡ᠃ ᠳᠥᠷᠪᠡ᠎ᠳᠤ ᠨᠡᠶ᠋ᠢᠭᠡᠮ᠎ᠤᠨ᠎ᠬᠢᠨ᠎ᠤ ᠬᠢᠨᠠᠯᠲᠠ ᠲᠠᠯᠪᠢᠬᠤ ᠴᠢᠳᠠᠪᠤᠷᠢ ᠵᠢ ᠪᠠᠳᠠᠷᠠᠭᠤᠯᠤᠨ᠎ᠠ᠃ ᠴᠠᠬᠢᠯᠭ᠋ᠠᠨ ᠱᠠᠲᠤ ᠵᠢᠨ ᠠᠮᠤᠷ ᠲᠦᠪᠰᠢᠨ᠎ᠤ ᠪᠠᠶ᠋ᠢᠳᠠᠯ᠎ᠤᠨ ᠮᠡᠳᠡᠭᠡ ᠵᠠᠩᠭᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠶ᠋ᠢᠭᠡᠮ᠎ᠳᠤ ᠨᠡᠢ᠌ᠲᠡᠯᠡᠵᠦ᠂ ᠲᠣᠬᠠᠢ ᠵᠢᠨ ᠭᠠᠵᠠᠷ᠎ᠤᠨ ᠵᠠᠰᠠᠭ᠎ᠤᠨ ᠣᠷᠳᠣᠨ ᠪᠣᠯᠣᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠴᠠᠬᠢᠯᠭ᠋ᠠᠨ ᠱᠠᠲᠤ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠤᠨ ᠲᠤᠬᠠᠶ ᠰᠠᠨᠠᠭᠤᠯᠭ᠎ᠠ ᠳᠣᠷᠠᠳᠴᠤ᠂ ᠨᠡᠶ᠋ᠢᠭᠡᠮ᠎ᠤᠨ᠎ᠬᠢᠨ᠎ᠤ ᠬᠢᠨᠠᠯᠲᠠ ᠲᠠᠯᠪᠢᠬᠤ ᠦᠢ᠍ᠯᠡᠳᠦᠯ᠎ᠢ ᠪᠠᠳᠠᠷᠠᠭᠤᠯᠤᠨ᠂ ᠴᠠᠬᠢᠯᠭ᠋ᠠᠨ ᠱᠠᠲᠤ ᠵᠢ ᠬᠡᠷᠡᠭᠯᠡᠬᠦ ᠂ ᠠᠷᠠᠴᠢᠯᠠᠨ ᠬᠠᠮᠠᠭ᠋ᠠᠯᠠᠬᠤ ᠨᠢᠭᠡᠴᠡ ᠵᠢᠨ ᠠᠮᠤᠷ ᠲᠦᠪᠰᠢᠨ᠎ᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠣᠯᠠᠨ ᠰᠠᠯᠠᠭ᠎ᠠ ᠮᠥᠴᠢᠷ ᠶᠡᠷᠦᠩᠬᠡᠶ᠋ᠢᠯᠡᠨ ᠬᠢᠨᠠᠨ ᠬᠠᠮᠢᠶᠠᠷᠬᠤ ᠲᠣᠭᠲᠠᠴᠠ ᠵᠢ ᠪᠤᠶ ᠪᠣᠯᠭ᠋ᠠᠬᠤ ᠵᠢ ᠲᠦᠯᠬᠢᠨ ᠠᠬᠢᠭᠤᠯᠤᠨ᠎ᠠ᠃
ᠬᠥᠲᠥᠯᠥᠭᠴᠢ᠄
ᠪᠢᠳᠡ ᠴᠠᠬᠢᠯᠭ᠋ᠠᠨ ᠱᠠᠲᠤᠨ᠎ᠳᠤ ᠭᠠᠷᠬᠤ᠎ᠳᠤ ᠴᠠᠬᠢᠯᠭ᠋ᠠᠨ ᠱᠠᠲᠤ ᠪᠣᠯᠭ᠋ᠠᠨ᠎ᠳᠤ ᠳ᠋ᠢᠶᠠᠩᠬᠤᠸᠠ ᠵᠢᠨ ᠨᠣᠮᠧᠷ᠎ᠨᠢ 96116 ᠭᠡᠰᠡᠨ ᠴᠠᠬᠢᠯᠭ᠋ᠠᠨ ᠱᠠᠲᠤ ᠵᠢᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠫᠠᠶ᠋ᠢᠰᠠ ᠨᠠᠭ᠋ᠠᠵᠤ ᠪᠠᠢ᠌ᠬᠤ ᠵᠢ ᠣᠯᠵᠣ ᠬᠠᠷᠠᠳᠠᠭ᠂ ᠴᠠᠬᠢᠯᠭ᠋ᠠᠨ ᠱᠠᠲᠤ ᠪᠣᠯᠭ᠋ᠠᠨ᠎ᠳᠤ ᠪᠠᠰᠠ ᠠᠳᠠᠯᠢ ᠪᠤᠰᠤ ᠵᠢᠨ 5 ᠣᠷᠣᠨ᠎ᠲᠦ ᠲᠤᠭ᠎ᠠ ᠵᠢᠨ ᠳ᠋ᠤᠭ᠋ᠠᠷ ᠪᠠᠢ᠌ᠳᠠᠭ᠂ ᠹᠸᠡᠭ ᠳᠠᠷᠤᠭ᠎ᠠ ᠲᠠ ᠡᠨᠡᠬᠦ ᠫᠠᠶ᠋ᠢᠰᠠ ᠵᠢᠨ ᠬᠠᠮᠢᠶ᠎ᠠ ᠪᠦᠬᠦᠢ ᠪᠠᠶ᠋ᠢᠳᠠᠯ᠎ᠢ ᠲᠠᠨᠢᠯᠴᠠᠭᠤᠯᠵᠤ ᠦᠭᠭᠦᠨ᠎ᠡ ᠦᠦ?
ᠹᠸᠩ ᠶᠸ᠄
ᠮᠠᠨ᠎ᠤ ᠬᠥᠬᠡᠬᠣᠲᠠ ᠵᠢᠨ ᠴᠠᠬᠢᠯᠭ᠋ᠠᠨ ᠱᠠᠲᠤ ᠵᠢᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠦᠢ᠍ᠯᠡᠴᠢᠯᠡᠭᠡᠨ᠎ᠤ ᠲᠠᠪᠴᠠᠩ ᠪᠣᠯ 96116 ᠭᠡᠰᠡᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠲᠠᠪᠴᠠᠩ ᠵᠶ᠋ᠡᠷ ᠭᠣᠣᠯ ᠪᠣᠯᠭ᠋ᠠᠵᠤ᠂ ᠴᠠᠬᠢᠯᠭ᠋ᠠᠨ ᠱᠠᠲᠤ ᠵᠢᠨ ᠲᠣᠣᠷ ᠰᠦᠯᠵᠢᠶᠡᠨ᠎ᠤ ᠠᠪᠤᠷᠠᠨ ᠲᠤᠰᠠᠯᠠᠬᠤ ᠰᠢᠰᠲᠸᠮᠵᠢ᠎ᠪᠠᠷ ᠠᠴᠢᠶᠠᠯᠠᠭᠴᠢ ᠪᠣᠯᠭ᠋ᠠᠭᠰᠠᠨ ᠴᠠᠬᠢᠯᠭ᠋ᠠᠨ ᠱᠠᠲᠤ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠶᠡᠷᠦᠩᠬᠡᠶ᠋ᠢᠯᠡᠭᠰᠡᠨ ᠴᠢᠨᠠᠷᠲᠠᠶ ᠬᠠᠮᠢᠶᠠᠷᠤᠯᠲᠠ ᠵᠢᠨ ᠲᠠᠪᠴᠠᠩ ᠪᠠᠢ᠌ᠵᠤ᠂ ᠪᠦᠬᠦ ᠬᠣᠲᠠ ᠵᠢᠨ ᠬᠦᠮᠦᠨ ᠭᠠᠷᠬᠤ ᠴᠠᠬᠢᠯᠭ᠋ᠠᠨ ᠱᠠᠲᠤ᠎ᠳᠤ ᠦᠢ᠍ᠯᠡᠴᠢᠯᠡᠭᠡ ᠬᠠᠩᠭ᠋ᠠᠳᠠᠭ᠃ ᠪᠦᠬᠦ ᠬᠣᠲᠠ ᠵᠢᠨ ᠴᠠᠬᠢᠯᠭ᠋ᠠᠨ ᠱᠠᠲᠤ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠨᠢᠭᠡᠳᠦᠯᠲᠡᠢ ᠳ᠋ᠢᠶᠠᠩᠬᠤᠸᠠ ᠪᠣᠯ 96116 ᠪᠣᠯᠬᠤ ᠪᠦᠭᠡᠳ ᠪᠦᠭᠦᠯᠢ ᠡᠳᠦᠷ 24 ᠴᠠᠭ ᠵᠶ᠋ᠠᠷ ᠲᠦᠭᠰᠢᠭᠦᠷᠢ ᠮᠡᠳᠡᠭᠦᠯᠦᠭᠰᠡᠨ᠎ᠢ ᠬᠦᠯᠢᠶᠡᠨ ᠠᠪᠴᠤ᠂ ᠠᠪᠤᠷᠠᠨ ᠲᠤᠰᠠᠯᠠᠬᠤ ᠵᠢ ᠵᠢᠯᠣᠭᠤᠳᠳᠠᠭ᠃ ᠤᠤᠯ᠎ᠤᠨ ᠴᠠᠬᠢᠯᠭ᠋ᠠᠨ ᠱᠠᠲᠤ ᠵᠢᠨ ᠠᠪᠤᠷᠠᠨ ᠲᠤᠰᠠᠯᠠᠬᠤ ᠲᠠᠷᠠᠬᠠᠶ ᠪᠤᠲᠠᠷᠬᠠᠶ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ ᠰᠢᠯᠢᠳᠡᠭᠵᠢᠭᠦᠯᠦᠭᠡᠳ᠂ ᠲᠣᠣᠷ ᠰᠦᠯᠵᠢᠶᠡᠨ ᠠᠪᠤᠷᠠᠨ ᠲᠤᠰᠠᠯᠠᠬᠤ ᠰᠢᠰᠲᠸᠮᠵᠢ ᠵᠢ ᠪᠦᠷᠢᠯᠳᠦᠭᠦᠯᠪᠡ᠃ ᠪᠦᠬᠦ ᠬᠣᠲᠠ ᠵᠢᠨ ᠣᠷᠣᠨ ᠪᠦᠰᠡ ᠵᠢ 27 ᠲᠤᠤᠷᠯᠠᠯ ᠪᠣᠯᠭ᠋ᠠᠨ ᠬᠣᠪᠢᠶᠠᠵᠤ᠂ ᠲᠣᠣᠷᠯᠠᠯ ᠨᠢᠭᠡᠪᠦᠷᠢ᠎ᠳᠤ 1 ᠠᠪᠤᠷᠠᠨ ᠲᠤᠰᠠᠯᠠᠬᠤ ᠥᠷᠲᠡᠭᠡ ᠪᠠᠢ᠌ᠭᠤᠯᠤᠭᠰᠠᠨ ᠪᠥᠭᠡᠳ ᠬᠠᠮᠤᠭ᠎ᠤᠨ ᠣᠶ᠋ᠢᠷ᠎ᠠ ᠪᠠᠶ᠋ᠢᠭ᠎ᠠ ᠥᠷᠲᠡᠭᠡ ᠵᠢ ᠲᠤᠰ ᠲᠣᠣᠷᠯᠠᠯ᠎ᠤᠨ ᠨᠦᠬᠦᠪᠦᠷᠢ ᠠᠪᠤᠷᠠᠨ ᠲᠤᠰᠠᠯᠠᠬᠤ ᠥᠷᠲᠡᠭᠡ ᠪᠣᠯᠭ᠋ᠠᠵᠤ᠂ ᠡᠯ᠎ᠡ ᠥᠷᠲᠡᠭᠡ ᠵᠢᠨ ᠲᠤᠰᠬᠠᠶ ᠮᠡᠷᠭᠡᠵᠢᠯ᠎ᠤᠨ ᠠᠵᠢᠯᠲᠠᠨ ᠴᠠᠭ ᠢᠮᠠᠭᠲᠠ ᠵᠠᠷᠯᠢᠭ ᠬᠦᠯᠢᠶᠡᠨ ᠵᠢᠯᠣᠭᠣᠳᠬᠤ ᠲᠥᠪ᠎ᠤᠨ ᠵᠢᠯᠣᠭᠤᠳᠴᠦ ᠠᠪᠤᠷᠠᠨ ᠲᠤᠰᠠᠯᠠᠬᠤ ᠵᠢ ᠳᠠᠭ᠋ᠠᠨ᠎ᠠ᠃ ᠭᠣᠣᠯ ᠭᠠᠵᠠᠷ᠎ᠨᠢ ᠲᠦᠭᠰᠢᠭᠦᠷᠢ ᠮᠡᠳᠡᠭᠦᠯᠦᠭᠰᠡᠨ ᠳ᠋ᠢᠶᠠᠩᠬᠤᠸᠠ ᠵᠢ ᠲᠤᠰᠤᠭᠰᠠᠨ ᠳᠠᠷᠠᠭ᠎ᠠ᠂ ᠲᠡᠷᠡ ᠳᠠᠷᠤᠶᠳᠤᠨᠢ ᠠᠪᠤᠷᠠᠨ ᠲᠤᠰᠠᠯᠠᠬᠤ ᠵᠢᠨ ᠵᠢᠯᠣᠭᠣᠳᠬᠤ ᠰᠢᠰᠲᠸᠮ᠎ᠢ ᠬᠦᠳᠡᠯᠭᠡᠵᠦ᠂ ᠳᠡᠰ ᠳᠠᠪᠬᠤᠷᠭ᠎ᠠ ᠬᠤᠪᠢᠶᠠᠨ ᠭᠡᠷ᠎ᠡ ᠲᠣᠭᠲᠠᠭᠰᠠᠨ ᠠᠷᠠᠴᠢᠯᠠᠨ ᠬᠠᠮᠠᠭ᠋ᠠᠯᠠᠬᠤ ᠨᠢᠭᠡᠴᠡ᠂ ᠲᠣᠣᠷᠯᠠᠯ᠎ᠤᠨ ᠠᠪᠤᠷᠠᠨ ᠲᠤᠰᠠᠯᠠᠬᠤ ᠥᠷᠲᠡᠭᠡ ᠪᠠ ᠵᠢᠵᠢᠭᠦᠷᠯᠡᠵᠦ ᠪᠠᠢ᠌ᠭ᠎ᠠ ᠢᠨᠵᠧᠨᠧᠷ ᠲᠤᠬᠠᠶ ᠵᠢᠨ ᠲᠠᠯᠠᠪᠠᠢ᠎ᠳᠤ ᠬᠦᠷᠦᠯᠴᠡᠨ ᠠᠪᠤᠷᠠᠨ ᠲᠤᠰᠠᠯᠠᠬᠤ ᠵᠢ ᠵᠢᠯᠣᠭᠤᠳᠤᠨ ᠲᠣᠬᠢᠷᠠᠭᠤᠯᠵᠤ᠂ ᠬᠣᠷᠢᠭᠳᠠᠭᠰᠠᠨ ᠬᠥᠮᠦᠰ᠎ᠢ ᠬᠠᠮᠤᠭ᠎ᠤᠨ ᠣᠬᠣᠷ ᠬᠤᠭᠤᠴᠠᠭ᠋ᠠᠨ᠎ᠳᠤ ᠠᠪᠤᠷᠠᠵᠤ ᠭᠠᠷᠭ᠋ᠠᠬᠤ ᠵᠢ ᠪᠠᠲᠤᠯᠠᠨ᠎ᠠ᠃ ᠲᠠᠪᠴᠠᠩ᠎ᠳᠤ ᠪᠠᠰᠠ ᠬᠣᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠰᠢᠰᠲ᠋ᠧᠮ᠎ᠢ ᠣᠷᠣᠭᠤᠯᠵᠤ᠂ 110 ᠵᠢᠴᠢ 119᠎ᠲᠠᠢ ᠬᠠᠮᠲᠤᠷᠠᠨ ᠬᠦᠳᠡᠯᠦᠯᠴᠡᠬᠦ ᠵᠢ ᠪᠡᠶᠡᠯᠡᠭᠦᠯᠪᠡ᠃
ᠴᠠᠬᠢᠯᠭ᠋ᠠᠨ ᠱᠠᠲᠤ ᠨᠢᠭᠡᠪᠦᠷᠢ᠎ᠳᠤ ᠨᠠᠭ᠋ᠠᠭᠰᠠᠨ ᠲᠤᠰᠬᠠᠶ ᠠᠪᠤᠷᠠᠨ ᠲᠤᠰᠠᠯᠠᠬᠤ ᠲᠡᠮᠳᠡᠭ᠎ᠨᠢ ᠭᠣᠣᠯᠳᠠᠭᠤ ᠪᠠᠴᠢᠮ ᠪᠠᠶ᠋ᠢᠳᠠᠯ᠎ᠢ ᠠᠷᠭ᠋ᠠᠴᠠᠬᠤ ᠴᠠᠬᠢᠯᠭ᠋ᠠᠨ ᠱᠠᠲᠤ ᠵᠢᠨ ᠳ᠋ᠢᠶᠠᠩᠬᠤᠸᠠ ᠵᠢᠨ ᠰᠠᠨᠠᠭᠤᠯᠤᠮᠵᠢ ᠪᠣᠯᠣᠨ ᠴᠠᠬᠢᠯᠭ᠋ᠠᠨ ᠱᠠᠲᠤ ᠵᠢᠨ ᠳ᠋ᠤᠭ᠋ᠠᠷ᠎ᠢ ᠪᠠᠭᠲᠠᠭ᠋ᠠᠨ᠂ ᠴᠠᠬᠢᠯᠭ᠋ᠠᠨ ᠱᠠᠲᠤ ᠨᠢᠭᠡᠪᠦᠷᠢ ᠵᠢᠨ ᠲᠣᠲᠤᠷᠠᠬᠢ ᠢᠯᠡ ᠭᠠᠵᠠᠷ ᠨᠠᠭ᠋ᠠᠵᠤ᠂ ᠴᠠᠬᠢᠯᠭ᠋ᠠᠨ ᠱᠠᠲᠤ᠎ᠳᠤ ᠭᠠᠷᠤᠭᠰᠠᠨ ᠬᠦᠮᠦᠰ᠎ᠤᠨ ᠬᠠᠮᠤᠭ᠎ᠤᠨ ᠳᠥᠭᠥᠮ ᠳᠥᠲᠡ ᠪᠦᠭᠡᠳ ᠲᠦᠷᠭᠡᠨ ᠠᠷᠭ᠎ᠠ ᠮᠠᠶᠢᠭ ᠵᠶ᠋ᠡᠷ ᠠᠪᠤᠷᠠᠯ ᠡᠷᠢᠬᠦ ᠳᠣᠬᠢᠶ᠎ᠠ ᠭᠠᠷᠭ᠋ᠠᠬᠤ᠎ᠳᠤ ᠳᠦᠬᠦᠮ ᠦᠵᠡᠭᠦᠯᠪᠡ᠃ ᠴᠠᠬᠢᠯᠭ᠋ᠠᠨ ᠱᠠᠲᠤ᠎ᠳᠤ ᠭᠠᠷᠤᠭᠰᠠᠳ ᠴᠠᠬᠢᠯᠭ᠋ᠠᠨ ᠱᠠᠲᠤᠨ᠎ᠳᠤ ᠬᠣᠷᠢᠭᠳᠠᠭᠰᠠᠨᠤ ᠳᠠᠷᠠᠭ᠎ᠠ᠂ ᠲᠤᠰᠬᠠᠶ ᠱᠤᠭᠤᠮ᠎ᠤᠨ ᠳ᠋ᠢᠶᠠᠩᠬᠤᠸᠠ ᠵᠢ ᠤᠲᠠᠰᠤᠳᠠᠪᠠᠯ᠂ ᠴᠠᠬᠢᠯᠭ᠋ᠠᠨ ᠱᠠᠲᠤ ᠵᠢᠨ ᠳ᠋ᠤᠭ᠋ᠠᠷ᠎ᠢ ᠮᠡᠳᠡᠭᠦᠯᠦᠭᠰᠡᠨ᠎ᠤ ᠳᠠᠷᠠᠭ᠎ᠠ᠂ ᠳᠠᠷᠤᠶ ᠴᠠᠬᠢᠯᠭ᠋ᠠᠨ ᠱᠠᠲᠤ ᠵᠢᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠮᠡᠳᠡᠭᠡ ᠵᠠᠩᠭᠢ ᠵᠢᠨ ᠰᠢᠰᠲ᠋ᠧᠮ ᠲᠤᠲᠤᠷ᠎ᠠ᠎ᠠᠴᠠ ᠴᠠᠬᠢᠯᠭ᠋ᠠᠨ ᠱᠠᠲᠤ ᠬᠡᠷᠡᠭᠯᠡᠨ ᠬᠠᠮᠢᠶᠠᠷᠴᠤ ᠪᠠᠢ᠌ᠭ᠎ᠠ ᠬᠠᠷᠢᠭᠤᠴᠠᠯᠭ᠋ᠠᠲᠤ ᠨᠢᠭᠡᠴᠡ᠂ ᠨᠠᠷᠢᠨ ᠲᠤᠲᠤᠷᠬᠠᠢ ᠣᠷᠣᠨ ᠪᠠᠢ᠌ᠷᠢ᠂ ᠬᠠᠷᠢᠶ᠎ᠠ ᠠᠷᠠᠴᠢᠯᠠᠨ ᠬᠠᠮᠠᠭ᠋ᠠᠯᠠᠬᠤ ᠵᠡᠷᠭᠡ ᠬᠣᠯᠪᠣᠭᠳᠠᠯ ᠪᠦᠬᠦᠢ ᠮᠡᠳᠡᠭᠡ ᠵᠠᠩᠭᠢ ᠵᠢ ᠲᠦᠷᠭᠡᠨ ᠡᠷᠢᠵᠤ ᠣᠯᠣᠨ᠂ ᠵᠢᠯᠣᠭᠣᠳᠬᠤ ᠰᠢᠰᠲ᠋ᠧᠮ᠎ᠨᠢ ᠠᠷᠠᠴᠢᠯᠠᠨ ᠬᠠᠮᠠᠭ᠋ᠠᠯᠠᠬᠤ ᠨᠢᠭᠡᠴᠡ᠎ᠳᠤ ᠴᠠᠭ ᠲᠣᠬᠠᠢᠳᠤᠨᠢ ᠮᠡᠳᠡᠭᠳᠡᠵᠦ ᠨᠢᠭᠡᠳᠦᠭᠡᠷ ᠴᠠᠭ᠎ᠲᠤ ᠲᠤᠬᠠᠶ ᠵᠢᠨ ᠭᠠᠵᠠᠷ᠎ᠲᠤ ᠬᠦᠷᠴᠦ ᠠᠪᠤᠷᠠᠨ ᠲᠤᠰᠠᠯᠠᠬᠤ ᠪᠣᠯᠣᠨ᠎ᠠ᠃ ᠴᠠᠬᠢᠯᠭ᠋ᠠᠨ ᠱᠠᠲᠤᠨ᠎ᠳᠤ ᠰᠠᠭᠤᠭᠴᠢᠳ᠎ᠲᠤ ᠢᠯᠡᠭᠦᠦ ᠨᠢᠭᠡ ᠠᠮᠤᠷ ᠲᠦᠪᠰᠢᠨ᠎ᠢ ᠪᠠᠲᠤᠯᠠᠬᠤ ᠱᠤᠭᠤᠮ᠎ᠲᠠᠢ ᠪᠣᠯᠭ᠋ᠠᠭᠰᠠᠨ ᠵᠶ᠋ᠠᠷ ᠪᠠᠷᠠᠬᠤ ᠦᠭᠡᠢ᠂ ᠪᠠᠰᠠ ᠥᠩᠭᠡᠷᠡᠭᠰᠡᠨ᠎ᠤ ᠡᠯ᠎ᠡ ᠠᠷᠠᠴᠢᠯᠠᠨ ᠬᠠᠮᠠᠭ᠋ᠠᠯᠠᠬᠤ ᠨᠢᠭᠡᠴᠡ ᠵᠢᠨ ᠲᠤᠰ ᠲᠤᠰ ᠵᠶ᠋ᠠᠷ ᠵᠶ᠋ᠠᠨ ᠠᠵᠢᠯᠯᠠᠵᠤ ᠪᠠᠢ᠌ᠭᠰᠠᠨ ᠪᠠ ᠮᠡᠳᠡᠭᠡ ᠵᠠᠩᠭᠢ ᠵᠢᠨ ᠲᠡᠭᠰᠢ ᠬᠡᠮ ᠦᠭᠡᠶ ᠪᠠᠢ᠌ᠭᠰᠠᠨ ᠠᠰᠠᠭᠤᠳᠠᠯ᠎ᠢ ᠪᠦᠲᠦᠮᠵᠢ᠎ᠲᠠᠢ ᠰᠢᠢ᠍ᠳᠪᠦᠷᠢᠯᠡᠵᠦ᠂ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠬᠤ ᠦᠷ᠎ᠡ ᠪᠦᠲᠦᠮᠵᠢ ᠵᠢ ᠲᠤᠶ᠋ᠢᠯ᠎ᠤᠨ ᠶᠡᠬᠡ᠎ᠪᠠᠷ ᠳᠡᠭᠡᠭᠰᠢᠯᠡᠭᠦᠯᠪᠡ᠃
ᠬᠥᠲᠥᠯᠥᠭᠴᠢ᠄
ᠪᠦᠷᠢᠳᠬᠡᠯ᠎ᠢ ᠦᠨᠳᠦᠰᠦᠯᠡᠪᠡᠯ᠂ ᠬᠥᠬᠡᠬᠣᠲᠠ ᠵᠢᠨ ᠴᠠᠬᠢᠯᠭ᠋ᠠᠨ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠲᠠᠪᠴᠠᠩ᠎ᠢ 2015 ᠣᠨ᠎ᠤ 4 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠯᠡᠭᠰᠡᠨ᠎ᠠᠴᠠ ᠨᠠᠰᠢ᠂ 6 ᠳ᠋ᠤᠭ᠋ᠠᠷ ᠰᠠᠷ᠎ᠠ ᠵᠢᠨ 2᠎ᠤᠨ ᠡᠳᠦᠷ ᠪᠣᠯᠲᠠᠯ᠎ᠠ ᠨᠡᠶ᠋ᠢᠲᠡ ᠲᠦᠭᠰᠢᠭᠦᠷᠢ ᠵᠢᠨ ᠮᠡᠳᠡᠭᠦᠯᠦᠭᠰᠡᠨ᠎ᠢ 497 ᠤᠳᠠᠭ᠎ᠠ ᠬᠦᠯᠢᠶᠡᠨ ᠠᠪᠴᠤ᠂ 409 ᠬᠣᠷᠢᠭᠳᠠᠭᠰᠠᠨ ᠬᠥᠮᠦᠨ᠎ᠢ ᠠᠪᠤᠷᠠᠨ᠂ 85 ᠤᠳᠠᠭ᠎ᠠ ᠯᠠᠪᠯᠠᠯᠭ᠎ᠠ ᠥᠭᠴᠦ᠂ 79 ᠤᠳᠠᠭ᠎ᠠ ᠵᠠᠭ᠋ᠠᠯᠳᠤᠯᠭ᠎ᠠ ᠣᠯᠪᠠ᠃ ᠹᠸᠩ ᠳᠠᠷᠤᠭ᠎ᠠ ᠡ᠂ ᠪᠦᠷᠢᠳᠬᠡᠭᠰᠡᠨ ᠲᠣᠭ᠎ᠠ ᠪᠠᠷᠢᠮᠲᠠ᠎ᠠᠴᠠ ᠠᠪᠴᠤ ᠦᠵᠡᠪᠡᠯ ᠲᠠᠪᠴᠠᠩ᠎ᠤᠨ ᠲᠥᠪ ᠬᠠᠰᠢᠯᠠ ᠬᠢᠷᠢ ᠲᠡᠩᠴᠡᠵᠡᠢ᠃ ᠲᠡᠭᠡᠪᠡᠯ᠂ ᠹᠸᠡᠭ ᠳᠠᠷᠤᠭ᠎ᠠ ᠲᠠ ᠴᠠᠬᠢᠯᠭ᠋ᠠᠨ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠲᠥᠪ ᠡᠮᠦᠨ᠎ᠡ ᠬᠣᠢ᠌ᠨ᠎ᠠ ᠶᠠᠮᠠᠷ ᠬᠤᠪᠢᠷᠠᠯᠲᠠ᠎ᠲᠠᠢ ᠪᠠᠢ᠌ᠬᠤ ᠵᠢ ᠲᠠᠨᠢᠯᠴᠠᠭᠤᠯᠤᠭ᠋ᠠᠳ ᠦᠭᠭᠦᠨ᠎ᠡ ᠤᠤ?
ᠹᠸᠩ ᠶᠸ᠄
ᠠᠪᠤᠷᠠᠨ ᠲᠤᠰᠠᠯᠠᠬᠤ ᠴᠠᠭ᠎ᠤᠨ ᠲᠠᠯ᠎ᠠ᠎ᠪᠠᠷ ᠠᠪᠴᠤ ᠬᠡᠯᠡᠪᠡᠯ᠂ 96116 ᠴᠠᠬᠢᠯᠭ᠋ᠠᠨ ᠱᠠᠲᠤ ᠵᠢᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠲᠥᠪ ᠢ ᠡᠬᠢᠯᠡᠵᠦ ᠬᠡᠷᠡᠭᠯᠡᠬᠦ᠎ᠠᠴᠠ ᠡᠮᠦᠨ᠎ᠡ᠂ ᠴᠠᠬᠢᠯᠭ᠋ᠠᠨ ᠱᠠᠲᠤ ᠵᠢᠨ ᠠᠷᠠᠴᠢᠯᠠᠨ ᠬᠠᠮᠠᠭ᠋ᠠᠯᠠᠬᠤ ᠨᠢᠭᠡᠴᠡ ᠵᠢᠨ ᠬᠣᠷᠢᠭᠳᠠᠭᠰᠠᠨ ᠬᠥᠮᠥᠨ᠎ᠢ ᠠᠪᠤᠷᠠᠨ ᠲᠤᠰᠠᠯᠠᠬᠤ ᠦᠷ᠎ᠡ ᠪᠦᠲᠦᠮᠵᠢ ᠵᠢᠨ ᠪᠠᠶ᠋ᠢᠳᠠᠯ᠎ᠢ ᠭᠣᠣᠯᠳᠠᠭᠤ ᠶᠠᠰᠤ ᠴᠢᠨᠠᠷ᠎ᠲᠤ ᠮᠡᠷᠭᠡᠵᠢᠯ ᠵᠶ᠋ᠡᠷ ᠬᠢᠨᠠᠯᠲᠠ ᠲᠠᠯᠪᠢᠬᠤ ᠰᠠᠯᠠᠭ᠎ᠠ ᠮᠥᠴᠢᠷ ᠵᠶ᠋ᠡᠷ ᠲᠤᠬᠠᠶ ᠵᠢᠨ ᠲᠠᠯᠠᠪᠠᠢ᠎ᠳᠤ ᠳᠠᠭᠤᠷᠢᠶᠠᠮᠠᠯ ᠠᠪᠤᠷᠠᠯ ᠡᠷᠢᠬᠦ ᠠᠵᠢᠯᠯᠠᠭ᠎ᠠ ᠬᠢᠯᠭᠡᠬᠦ ᠠᠷᠭ᠎ᠠ ᠮᠠᠶᠢᠭ ᠵᠶ᠋ᠡᠷ ᠰᠤᠭᠤᠴᠠᠨ ᠪᠠᠢ᠌ᠴᠠᠭ᠋ᠠᠯᠭ᠋ᠠᠳ ᠣᠢ᠌ᠯᠠᠭ᠋ᠠᠵᠤ ᠪᠣᠯᠣᠨ᠎ᠠ᠃ ᠲᠠᠪᠴᠠᠩ ᠨᠡᠪᠲᠡᠷᠡᠭᠦᠯᠬᠦ᠎ᠠᠴᠠ ᠡᠮᠦᠨ᠎ᠡ ᠬᠣᠶᠠᠷ ᠬᠤᠪᠢ ᠣᠷᠴᠢᠮ᠎ᠤᠨ ᠠᠷᠠᠴᠢᠯᠠᠨ ᠬᠠᠮᠠᠭ᠋ᠠᠯᠠᠬᠤ ᠨᠢᠭᠡᠴᠡ ᠵᠢᠨ ᠲᠤᠬᠠᠶ ᠵᠢᠨ ᠲᠠᠯᠠᠪᠠᠢ᠎ᠳᠤ ᠢᠷᠡᠭᠰᠡᠨ ᠴᠠᠭ᠎ᠨᠢ 35 ᠮᠢᠨᠦ᠋ᠲᠢ ᠳᠠᠪᠠᠵᠤ᠂ ᠲᠠᠪᠴᠠᠩ᠎ᠢ ᠨᠡᠪᠲᠡᠷᠡᠭᠦᠯᠦᠭᠰᠡᠨ᠎ᠤ ᠳᠠᠷᠠᠭ᠎ᠠ ᠳᠤᠮᠳᠠᠴᠢ᠎ᠪᠠᠷ 15 ᠮᠢᠨᠦ᠋ᠲ ᠬᠦᠷᠬᠦ ᠦᠭᠡᠶ ᠪᠣᠯᠵᠤ᠂ ᠤᠯᠤᠰ᠎ᠤᠨ ᠲᠣᠭᠲᠠᠭ᠋ᠠᠭᠰᠠᠨ 30 ᠮᠢᠨᠦ᠋ᠲ᠎ᠠᠴᠠ ᠬᠣᠯᠠ ᠳᠣᠣᠷ᠎ᠠ ᠪᠣᠯᠵᠠᠢ᠃
ᠠᠪᠤᠷᠠᠨ ᠲᠤᠰᠠᠯᠠᠬᠤ ᠠᠶᠤᠯ ᠦᠭᠡᠢ ᠴᠢᠨᠠᠷ᠎ᠠᠴᠠ ᠠᠪᠴᠤ ᠬᠡᠯᠡᠪᠡᠯ᠂ ᠥᠩᠭᠡᠷᠡᠭᠰᠡᠨ᠎ᠳᠤ ᠴᠠᠬᠢᠯᠭ᠋ᠠᠨ ᠱᠠᠲᠤᠨ᠎ᠳᠤ ᠬᠥᠮᠥᠨ ᠬᠣᠷᠢᠭᠳᠠᠪᠠᠯ᠂ ᠮᠠᠰᠢ ᠣᠯᠠᠨ ᠬᠥᠮᠦᠨ ᠵᠥᠪᠬᠡᠨ 110 ᠵᠢ ᠤᠲᠠᠰᠤᠳᠠᠬᠤ ᠵᠢ ᠮᠡᠳᠡᠳᠡᠭ᠃ ᠡᠢ᠌ᠮᠦᠷᠬᠦ ᠪᠠᠶ᠋ᠢᠳᠠᠯ᠎ᠤᠨ ᠳᠣᠣᠷ᠎ᠠ᠂ 110 ᠪᠣᠯ ᠶᠡᠷᠦ᠎ᠳᠡᠭᠡᠨ ᠭᠠᠯ ᠤᠨᠲᠠᠷᠠᠭ᠋ᠠᠬᠤ ᠰᠠᠯᠠᠭ᠎ᠠ ᠮᠥᠴᠢᠷ᠎ᠲᠤ ᠰᠢᠯᠵᠢᠭᠦᠯᠦᠨ ᠥᠭᠴᠦ ᠠᠪᠤᠷᠠᠨ ᠲᠤᠰᠠᠯᠠᠭᠤᠯᠳᠠᠭ᠃ ᠭᠠᠯ ᠤᠨᠲᠠᠷᠠᠭ᠋ᠠᠬᠤ ᠠᠩᠭᠢ ᠵᠢᠨ ᠭᠡᠰᠢᠭᠦᠳ ᠬᠠᠷᠢᠨ ᠬᠦᠷᠦᠭᠰᠡᠨ᠎ᠤ ᠳᠠᠷᠠᠭ᠎ᠠ᠂ ᠣᠯᠠᠩᠬᠢ᠎ᠳᠠᠭᠠᠨ ᠰᠢᠩᠭᠡᠨ ᠳᠠᠷᠣᠴᠠᠳᠣ ᠵᠠᠭᠤᠳᠠᠭ ᠵᠡᠷᠭᠡ ᠪᠠᠭ᠋ᠠᠵᠢ ᠵᠢ ᠬᠡᠷᠡᠭᠯᠡᠨ ᠴᠠᠬᠢᠯᠭ᠋ᠠᠨ ᠱᠠᠲᠤ ᠵᠢᠨ ᠡᠭᠦᠳᠡ ᠵᠢ ᠠᠯᠪᠠ᠎ᠪᠠᠷ ᠨᠡᠭᠡᠭᠡᠳᠡᠭ᠃ ᠭᠡᠲᠡᠯ᠎ᠡ ᠨᠡᠭᠡᠭᠡᠭᠰᠡᠨ᠎ᠤ ᠳᠠᠷᠠᠭ᠎ᠠ᠂ ᠠᠰᠠᠷ ᠬᠢᠭᠡᠳ ᠴᠠᠬᠢᠯᠭ᠋ᠠᠨ ᠱᠠᠲᠤ ᠵᠢᠨ ᠲᠠᠰᠤᠯᠭ᠎ᠠ ᠵᠢᠨ ᠬᠣᠭᠣᠷᠣᠨᠳᠣ ᠪᠠᠰᠠ ᠵᠠᠶ᠎ᠲᠠᠢ ᠪᠠᠢ᠌ᠵᠤ᠂ ᠬᠥᠮᠦᠨ᠎ᠢ ᠴᠠᠬᠢᠯᠭ᠋ᠠᠨ ᠱᠠᠲᠤ ᠵᠢᠨ ᠲᠠᠰᠤᠯᠭ᠎ᠠ ᠳᠣᠲᠣᠷ᠎ᠠ᠎ᠠᠴᠠ ᠭᠠᠷᠭ᠋ᠠᠬᠤ ᠦᠶ᠎ᠡ ᠲᠤᠰᠬᠠᠶ ᠠᠷᠭ᠎ᠠ ᠬᠡᠮᠵᠢᠶ᠎ᠡ ᠦᠭᠡᠶ ᠪᠣᠯ ᠴᠠᠬᠢᠯᠭ᠋ᠠᠨ ᠱᠠᠲᠤ ᠵᠢ ᠪᠡᠬᠢᠯᠢᠭ ᠡᠵᠡᠮᠳᠡᠬᠦ᠎ᠳᠤ ᠲᠤᠩ ᠬᠦᠴᠢᠷ ᠪᠠᠢ᠌ᠵᠤ᠂ ᠴᠠᠬᠢᠯᠭ᠋ᠠᠨ ᠱᠠᠲᠤ ᠪᠠᠰᠠ ᠬᠦᠳᠡᠯᠵᠦ ᠮᠡᠳᠡᠨ᠎ᠡ᠂ ᠴᠢᠨᠠᠭᠰᠢᠯᠠᠪᠠᠯ 〈ᠵᠦᠷᠢᠭᠳᠡᠯ〉 ᠵᠡᠷᠭᠡ ᠬᠦᠨᠳᠦ ᠨᠣᠴᠢᠲᠠᠶ ᠬᠡᠮᠳᠦᠭᠡᠬᠦ ᠡ᠊ᠨᠳᠡᠯ ᠭᠠᠷᠴᠤ ᠮᠡᠳᠡᠨ᠎ᠡ᠃ 96116 ᠵᠢ ᠨᠡᠪᠲᠡᠷᠡᠭᠦᠯᠦᠭᠰᠡᠨ᠎ᠤ ᠳᠠᠷᠠᠭ᠎ᠠ᠂ ᠴᠠᠬᠢᠯᠭ᠋ᠠᠨ ᠱᠠᠲᠤ ᠵᠢᠨ ᠠᠪᠤᠷᠠᠨ ᠲᠤᠰᠠᠯᠠᠬᠤ ᠠᠵᠢᠯ ᠨᠡᠩ ᠲᠤᠰᠬᠠᠢ᠌ᠵᠢᠪᠠ᠃ ᠴᠠᠬᠢᠯᠭ᠋ᠠᠨ ᠱᠠᠲᠤᠨ᠎ᠳᠤ ᠰᠠᠭᠤᠭᠴᠢᠳ ᠬᠡᠷᠪᠡ ᠴᠠᠬᠢᠯᠭ᠋ᠠᠨ ᠱᠠᠲᠤᠨ᠎ᠳᠤ ᠬᠣᠷᠢᠭᠳᠠᠪᠠᠯ᠂ ᠭᠠᠷ ᠤᠲᠠᠰᠤ᠂ ᠴᠠᠬᠢᠯᠭ᠋ᠠᠨ ᠱᠠᠲᠤ ᠵᠢᠨ ᠳᠣᠲᠣᠷᠠᠬᠢ ᠰᠡᠷᠡᠮᠵᠢ ᠵᠢᠨ ᠬᠣᠩᠬᠣ᠂ ᠡᠰᠡᠬᠦᠯ᠎ᠡ ᠭᠣᠷᠪᠠ᠎ᠳᠡᠬᠢ ᠡᠲᠡᠭᠡᠳ᠎ᠤᠨ ᠶᠠᠷᠢᠯᠴᠠᠬᠤ ᠲᠣᠨᠣᠭᠯᠠᠯ ᠵᠶ᠋ᠠᠷ ᠪᠢᠳᠡᠨ᠎ᠲᠠᠢ ᠨᠡᠪᠲᠡᠷᠡᠪᠡᠯ᠂ ᠪᠢᠳᠡ ᠲᠤᠰᠬᠠᠶ ᠮᠡᠷᠭᠡᠵᠢᠯ᠎ᠤᠨ ᠠᠵᠢᠯᠲᠠᠨ ᠲᠣᠬᠢᠷᠠᠭᠤᠯᠤᠨ ᠴᠠᠭ ᠲᠤᠬᠠᠶ᠎ᠳᠤᠨᠢ ᠬᠦᠷᠦᠭᠦᠯᠵᠦ᠂ ᠲᠤᠰᠬᠠᠶ ᠮᠡᠷᠭᠡᠵᠢᠯ᠎ᠤᠨ ᠦᠨᠡᠮᠯᠡᠯ᠎ᠲᠠᠢ ᠠᠷᠠᠴᠢᠯᠠᠨ ᠬᠠᠮᠠᠭ᠋ᠠᠯᠠᠭᠴᠢ ᠮᠡᠷᠭᠡᠵᠢᠯ᠎ᠤᠨ ᠠᠷᠭ᠎ᠠ ᠬᠡᠮᠵᠢᠶ᠎ᠡ ᠶᠤᠰᠤᠭ᠋ᠠᠷ ᠮᠠᠰᠢ ᠲᠦᠷᠬᠡᠨ ᠠᠪᠤᠷᠠᠨ ᠲᠤᠰᠠᠯᠠᠬᠤ ᠪᠣᠯᠣᠨ᠎ᠠ᠂ ᠴᠠᠬᠢᠯᠭ᠋ᠠᠨ ᠱᠠᠲᠤᠨ᠎ᠳᠤ ᠰᠠᠭᠤᠭᠴᠢᠳ ᠠᠪᠤᠷᠠᠨ ᠲᠤᠰᠠᠯᠠᠬᠤ ᠶᠠᠪᠤᠳᠠᠯ᠎ᠳᠤ ᠬᠠᠮᠵᠢᠳᠠᠭ ᠯᠡ ᠶᠤᠮ ᠪᠣᠯ ᠠᠶᠤᠯ ᠦᠭᠡᠢ ᠵᠢᠨ ᠴᠢᠨᠠᠷ᠎ᠢ ᠪᠠᠲᠤᠯᠠᠵᠤ ᠴᠢᠳᠠᠨ᠎ᠠ᠃
ᠣᠨᠣᠪᠴᠢᠲᠠᠶ ᠣᠷᠣᠨ ᠪᠠᠢ᠌ᠷᠢ ᠵᠢᠨ ᠲᠣᠭᠲᠠᠭ᠋ᠠᠯᠲᠠ᠎ᠠᠴᠠ ᠠᠪᠴᠤ ᠬᠡᠯᠡᠪᠡᠯ᠂ ᠲᠠᠪᠴᠠᠨᠭ᠌ᠢ ᠨᠡᠪᠲᠡᠷᠡᠭᠦᠯᠬᠦ᠎ᠠᠴᠠ ᠡᠮᠦᠨ᠎ᠡ ᠬᠣᠷᠢᠭᠳᠠᠭᠰᠠᠨ ᠬᠥᠮᠦᠰ ᠠᠪᠤᠷᠠᠨ ᠲᠤᠰᠠᠯᠠᠬᠤ ᠰᠢᠭᠤᠳ ᠨᠡᠪᠲᠡᠷᠡᠬᠦ ᠳ᠋ᠢᠶᠠᠨᠭ᠌ᠬᠤᠸᠠ ᠵᠢ ᠤᠲᠠᠰᠤᠳᠠᠵᠤ ᠲᠤᠰᠠᠯᠠᠮᠵᠢ ᠭᠤᠶᠤᠴᠢᠯᠠᠬᠤ᠎ᠳᠤ᠂ ᠮᠠᠰᠢ ᠣᠯᠠᠨ ᠬᠥᠮᠦᠨ᠎ᠳᠤ ᠴᠥᠮ ᠨᠢᠭᠡᠨ ᠮᠠᠳᠠᠭ᠎ᠲᠠᠢ ᠶᠠᠪᠤᠳᠠᠯ ᠲᠤᠯᠭ᠋ᠠᠷᠠᠭᠰᠠᠨ ᠪᠠᠢ᠌ᠳᠠᠭ᠂ ᠲᠡᠷᠡ᠎ᠨᠢ ᠳᠠᠷᠤᠶ ᠬᠠᠶᠢᠭ ᠵᠶ᠋ᠠᠨ ᠳᠦᠷᠰᠦᠯᠡᠬᠦ᠎ᠳᠤ ᠶᠡᠬᠡ ᠲᠥᠪᠡᠭᠲᠠᠢ ᠪᠥᠭᠡᠳ ᠪᠠᠰᠠ ᠠᠮᠠᠨ ᠠᠶᠠᠯᠭᠤ᠂ ᠣᠷᠣᠨ ᠪᠠᠶ᠋ᠢᠷᠢ᠎ᠪᠠᠨ ᠲᠦᠷᠰᠦᠯᠡᠭᠰᠡᠨ᠎ᠨᠢ ᠵᠣᠬᠢᠰ ᠦᠭᠡᠶ᠂ ᠣᠶᠣᠨ ᠰᠠᠨᠠᠭ᠋ᠠᠨ ᠳᠡᠭᠡᠷ᠎ᠡ᠎ᠪᠠᠨ ᠪᠠᠴᠢᠮᠳᠠᠵᠤ ᠰᠠᠨᠳᠤᠷᠤᠭᠰᠠᠨ ᠵᠡᠷᠭᠡ ᠠᠰᠠᠭᠤᠳᠠᠯ᠎ᠠᠴᠠ ᠪᠣᠯᠵᠤ᠂ ᠵᠠᠷᠢᠮ ᠦᠶ᠎ᠡ᠎ᠳᠤ ᠪᠣᠷᠤᠭᠤ ᠣᠢ᠌ᠯᠠᠭ᠋ᠠᠭᠤᠯᠬᠤ᠂ ᠴᠢᠨᠠᠭᠰᠢᠯᠠᠪᠠᠯ ᠠᠪᠤᠷᠠᠨ ᠲᠤᠰᠠᠯᠠᠬᠤ ᠬᠥᠮᠦᠰ᠎ᠢ ᠪᠣᠷᠤᠭᠤ᠎ᠪᠠᠷ ᠵᠢᠯᠤᠭᠤᠳᠴᠤ᠂ ᠬᠥᠮᠦᠨ᠎ᠤ ᠬᠦᠴᠦᠨ᠎ᠢ ᠪᠦᠷᠢᠯᠭᠡᠬᠦ᠎ᠪᠠᠷ ᠪᠠᠷᠠᠬᠤ ᠦᠭᠡᠶ᠂ ᠪᠠᠰᠠ ᠴᠠᠭ ᠰᠠᠭ᠋ᠠᠲᠠᠭ᠋ᠠᠳᠠᠭ᠃ 96116 ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠲᠥᠪ ᠵᠢ ᠡᠬᠢᠯᠡᠭᠦᠯᠵᠦ ᠬᠡᠷᠡᠭᠯᠡᠭᠰᠡᠨ᠎ᠤ ᠳᠠᠷᠠᠭ᠎ᠠ᠂ ᠬᠣᠲᠠ ᠵᠢᠨ ᠠᠷᠠᠳ ᠴᠠᠬᠢᠯᠭ᠋ᠠᠨ ᠱᠠᠲᠤ᠎ᠳᠤ ᠬᠣᠷᠢᠭᠳᠠᠬᠤ ᠵᠡᠷᠭᠡ ᠠᠰᠠᠭᠤᠳᠠᠯ ᠲᠤᠯᠭ᠋ᠠᠷᠠᠪᠠᠯ᠂ ᠴᠠᠬᠢᠯᠭ᠋ᠠᠨ ᠱᠠᠲᠤ ᠵᠢᠨ ᠳᠣᠲᠣᠷ᠎ᠠ ᠨᠠᠭ᠋ᠠᠵᠤ ᠪᠠᠶ᠋ᠢᠭ᠎ᠠ 96116 ᠭᠡᠰᠡᠨ ᠲᠡᠮᠳᠡᠭ᠎ᠤᠨ ᠳᠣᠣᠷᠠᠲᠤ ᠲᠠᠯ᠎ᠠ ᠵᠢᠨ ᠴᠠᠬᠢᠯᠭ᠋ᠠᠨ ᠱᠠᠲᠤ ᠵᠢᠨ ᠳ᠋ᠤᠭ᠋ᠠᠷ᠎ᠢ ᠮᠡᠳᠡᠭᠦᠯᠪᠡᠯ᠂ ᠠᠵᠢᠯᠲᠠᠨ ᠨᠥᠭᠥᠭᠡ ᠲᠠᠯ᠎ᠠ ᠵᠢᠨ ᠣᠨᠣᠪᠴᠢᠲᠠᠶ ᠣᠷᠣᠨ ᠪᠠᠶ᠋ᠢᠷᠢ ᠵᠢ ᠳᠠᠷᠤᠶ ᠲᠦᠷᠭᠡᠨ ᠲᠣᠭᠲᠠᠭ᠋ᠠᠵᠤ᠂ ᠠᠰᠠᠷ᠎ᠤᠨ ᠮᠥᠷ ᠪᠣᠯᠣᠨ ᠣᠷᠣᠴᠠ ᠵᠢ ᠨᠠᠷᠢᠨ ᠣᠨᠣᠪᠴᠢᠲᠠᠶ ᠣᠯᠵᠤ ᠪᠣᠯᠤᠨ᠎ᠠ᠃ ᠴᠠᠬᠢᠯᠭ᠋ᠠᠨ ᠱᠠᠲᠤ ᠵᠢᠨ ᠳ᠋ᠤᠭ᠋ᠠᠷ ᠪᠣᠯ ᠨᠢᠭᠡ ᠬᠡᠯᠬᠢᠶ᠎ᠡ 6 ᠣᠷᠣᠨᠲᠤ ᠲᠣᠭ᠎ᠠ᠎ᠲᠠᠢ ᠲᠡᠮᠳᠡᠭ ᠪᠣᠯᠬᠤ ᠪᠥᠭᠡᠳ ᠴᠠᠬᠢᠯᠭ᠋ᠠᠨ ᠱᠠᠲᠤ ᠵᠢᠨ ᠭᠠᠵᠠᠷ ᠵᠦᠶ ᠵᠢᠨ ᠪᠠᠶ᠋ᠢᠷᠢᠯᠠᠯ᠂ ᠰᠡᠯᠪᠢᠨ ᠵᠠᠰᠠᠵᠤ ᠠᠷᠠᠴᠢᠯᠠᠬᠤ ᠨᠢᠭᠡᠴᠡ ᠵᠡᠷᠭᠡ ᠮᠡᠳᠡᠭᠡ ᠵᠠᠩᠭᠢ᠎ᠨᠢ ᠴᠥᠮ ᠡᠭᠦᠨ᠎ᠳᠤ ᠪᠠᠭᠲᠠᠵᠤ᠂ ᠭᠠᠵᠠᠷ ᠵᠦᠶ ᠵᠢᠨ ᠣᠷᠣᠨ ᠪᠠᠢ᠌ᠷᠢ ᠵᠢᠨ ᠵᠦᠷᠢᠶ᠎ᠡ᠎ᠨᠢ 5 ᠮᠧᠲᠷ᠎ᠢ ᠳᠠᠪᠠᠬᠤ ᠦᠭᠡᠢ ᠶᠤᠮ᠃
ᠬᠥᠲᠥᠯᠥᠭᠴᠢ᠄
ᠹᠸᠩ ᠳᠠᠷᠤᠭ᠎ᠠ ᠡ᠂ ᠴᠠᠬᠢᠯᠭ᠋ᠠᠨ ᠱᠠᠲᠤ ᠬᠡᠷᠡᠭᠯᠡᠭᠡᠨ᠎ᠤ ᠠᠮᠢ ᠨᠠᠰᠤᠲᠠᠢ ᠤᠤ? ᠶᠡᠷᠦ᠎ᠳᠡᠭᠡᠨ ᠬᠡᠳᠦᠶ ᠤᠷᠳᠤ ᠬᠤᠭᠤᠴᠠᠭ᠎ᠠ ᠬᠡᠷᠡᠭᠯᠡᠬᠦ ᠪᠤᠶ?
ᠹᠸᠩ ᠶᠸ᠄
ᠴᠠᠬᠢᠯᠭ᠋ᠠᠨ ᠱᠠᠲᠤ ᠵᠢᠨ ᠠᠮᠢ ᠨᠠᠰᠤ ᠵᠢᠨ ᠲᠤᠬᠠᠶ ᠮᠠᠨ᠎ᠤ ᠤᠯᠤᠰ᠎ᠤᠨ ᠬᠠᠮᠢᠶ᠎ᠡ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠳᠣᠷᠬᠠᠶ ᠲᠣᠭᠲᠠᠭ᠋ᠠᠯ ᠭᠠᠷᠭ᠋ᠠᠭ᠋ᠠᠳᠤᠢ᠃ ᠭᠡᠪᠡᠴᠦ ᠴᠠᠬᠢᠯᠭ᠋ᠠᠨ ᠱᠠᠲᠤ ᠵᠢᠨ ᠬᠠᠮᠢᠶ᠎ᠡ ᠪᠦᠬᠦᠢ ᠰᠡᠯᠪᠢᠭ ᠲᠣᠨᠣᠭ᠎ᠤᠨ ᠲᠤᠬᠠᠢ ᠤᠯᠤᠰ᠎ᠠᠴᠠ ᠮᠡᠷᠭᠡᠵᠢᠯ᠎ᠤᠨ ᠵᠢᠷᠤᠮᠵᠢᠯ᠎ᠤᠨ ᠱᠠᠭ᠋ᠠᠷᠳᠠᠯᠭ᠎ᠠ᠎ᠲᠠᠢ ᠪᠠᠢ᠌ᠳᠠᠭ᠂ ᠬᠡᠷᠪᠡ ᠰᠡᠯᠪᠢᠨ ᠵᠠᠰᠠᠵᠤ ᠠᠷᠠᠴᠢᠯᠠᠭ᠋ᠠᠳ᠂ ᠰᠡᠯᠪᠢᠭ ᠲᠣᠨᠣᠭ᠎ᠢ ᠴᠠᠭ ᠲᠤᠬᠠᠶ᠎ᠳᠤᠨᠢ ᠰᠣᠯᠢᠬᠤ ᠵᠢᠨ ᠬᠠᠮᠲᠤ ᠰᠢᠯᠭ᠋ᠠᠨ ᠪᠠᠶ᠋ᠢᠴᠠᠭ᠋ᠠᠬᠤ ᠰᠠᠯᠠᠭ᠎ᠠ ᠮᠥᠴᠢᠷ ᠵᠶ᠋ᠠᠷ ᠪᠠᠢ᠌ᠴᠠᠭ᠋ᠠᠯᠭ᠋ᠠᠭ᠋ᠠᠳ ᠠᠶᠤᠯ ᠦᠭᠡᠢ ᠵᠢᠨ ᠱᠠᠭ᠋ᠠᠷᠳᠠᠯᠭ᠎ᠠ᠎ᠳᠤ ᠨᠡᠢ᠌ᠴᠡᠵᠦ ᠪᠠᠢ᠌ᠪᠠᠯ ᠦᠷᠭᠦᠯᠵᠢᠯᠡᠨ ᠬᠡᠷᠡᠭᠯᠡᠵᠦ ᠪᠣᠯᠤᠨ᠎ᠠ᠃ ᠭᠠᠳᠠᠭ᠋ᠠᠳᠤ᠎ᠳᠤ ᠵᠠᠭᠤ ᠭᠠᠷᠤᠶ ᠵᠢᠯ᠎ᠤᠨ ᠴᠠᠬᠢᠯᠭ᠋ᠠᠨ ᠱᠠᠲᠤ ᠵᠢ ᠪᠠᠰᠠ ᠦᠷᠭᠦᠯᠵᠢᠯᠡᠨ ᠬᠡᠷᠡᠭᠯᠡᠵᠦ ᠪᠠᠢ᠌ᠨ᠎ᠠ᠂ ᠧᠦ᠋ᠷᠣᠫᠠ ᠵᠢᠨ ᠵᠠᠷᠢᠮ ᠬᠠᠭᠤᠴᠢᠨ ᠪᠠᠷᠢᠯᠭ᠎ᠠ᠎ᠳᠤ ᠬᠡᠷᠡᠰᠬᠡ᠎ᠲᠠᠢ᠂ ᠲᠦᠯᠬᠢᠵᠦ ᠲᠠᠲᠠᠬᠤ ᠬᠡᠯᠪᠡᠷᠢ ᠵᠢᠨ ᠬᠠᠭᠤᠴᠢᠨ ᠮᠠᠶᠢᠭ᠎ᠤᠨ ᠴᠠᠬᠢᠯᠭ᠋ᠠᠨ ᠱᠠᠲᠤ ᠵᠢ ᠪᠠᠰᠠ ᠬᠠᠷᠠᠭᠳᠠᠵᠤ ᠪᠠᠢ᠌ᠳᠠᠭ᠃ ᠡᠶ᠋ᠢᠮᠦ᠎ᠠᠴᠠ ᠴᠠᠬᠢᠯᠭ᠋ᠠᠨ ᠱᠠᠲᠤ᠎ᠨᠢ ᠬᠡᠷᠡᠭᠯᠡᠭᠡᠨ᠎ᠤ ᠠᠮᠢ ᠨᠠᠰᠤᠲᠠᠢ ᠭᠡᠬᠦ ᠬᠡᠯᠡᠯᠭᠡ ᠪᠠᠢ᠌ᠬᠤ ᠦᠭᠡᠢ᠃
ᠬᠥᠲᠥᠯᠥᠭᠴᠢ᠄
ᠹᠸᠩ ᠳᠠᠷᠤᠭ᠎ᠠ ᠡ᠂ ᠨᠢᠭᠡ ᠦᠶ᠎ᠡ ᠴᠠᠬᠢᠯᠭ᠋ᠠᠨ ᠱᠠᠲᠤ ᠵᠢᠨ ᠠᠮᠤᠷ ᠲᠦᠪᠰᠢᠨ᠎ᠤ ᠲᠤᠬᠠᠶ ᠵᠠᠷᠢᠮ ᠮᠡᠳᠡᠭᠡᠯᠡᠯ ᠬᠠᠷᠠᠭᠳᠠᠭ᠋ᠠᠳ ᠪᠠᠢ᠌ᠭᠰᠠᠨ᠎ᠨᠢ ᠮᠠᠰᠢ ᠣᠯᠠᠨ ᠰᠦᠯᠵᠢᠶᠡᠨ ᠠᠨᠳᠠ ᠨᠡᠷ ᠴᠦᠮ ᠡᠨᠡ ᠲᠠᠯ᠎ᠠ᠎ᠪᠠᠷ ᠰᠠᠨᠠᠭ᠎ᠠ ᠵᠣᠪᠠᠵᠤ ᠪᠠᠢ᠌ᠭᠰᠠᠨ ᠪᠠᠢ᠌ᠵᠤ ᠮᠡᠳᠡᠨ᠎ᠡ᠂ ᠪᠢᠳᠡᠨ᠎ᠤ ᠡᠳᠦᠷ ᠪᠦᠷᠢ ᠰᠠᠭᠤᠵᠤ ᠪᠠᠢ᠌ᠭ᠎ᠠ ᠴᠠᠬᠢᠯᠭ᠋ᠠᠨ ᠱᠠᠲᠤ᠎ᠨᠢ ᠠᠮᠤᠷ ᠲᠦᠪᠰᠢᠨ ᠦᠦ᠂ ᠬᠡᠨᠡᠳᠲᠡ ᠡᠵᠮᠳᠡᠯ ᠵᠶ᠋ᠠᠨ ᠠᠯᠳᠠᠭ᠋ᠠᠳ ᠣᠨᠠᠬᠤ ᠪᠣᠯᠣᠯᠴᠠᠭ᠎ᠠ᠎ᠲᠠᠢ ᠦᠦ?
ᠹᠸᠩ ᠶᠸ᠄
ᠣᠨᠠᠬᠤ ᠪᠣᠯᠤᠯᠴᠠᠭ᠎ᠠ ᠪᠠᠷᠤᠭ ᠪᠠᠢ᠌ᠬᠤ ᠦᠭᠡᠢ᠃ ᠦᠨᠡᠨ᠎ᠳᠡᠭᠡᠨ ᠣᠯᠠᠨ ᠵᠶ᠋ᠠᠷ ᠵᠶ᠋ᠡᠨ ᠰᠠᠨᠠᠭ᠎ᠠ ᠵᠣᠪᠠᠬᠤ ᠬᠡᠷᠡᠭ ᠦᠭᠡᠢ᠂ ᠴᠠᠬᠢᠯᠭ᠋ᠠᠨ ᠱᠠᠲᠤ ᠪᠣᠯ ᠲᠤᠰ ᠪᠡᠶ᠎ᠡ᠎ᠨᠢ ᠮᠠᠰᠢ ᠠᠮᠤᠷ ᠲᠦᠪᠰᠢᠨ ᠦᠢ᠍ᠯᠡᠳᠬᠦᠨ ᠶᠤᠮ᠂ ᠠᠶᠤᠯ ᠦᠭᠡᠶ ᠵᠢᠨ ᠢᠯᠡᠳᠬᠡᠮᠵᠢ᠎ᠨᠢ ᠮᠠᠰᠢ ᠥᠨᠳᠥᠷ ᠪᠠᠢ᠌ᠳᠠᠭ᠃ ᠦᠢ᠍ᠯᠡᠳᠬᠦ᠎ᠳᠤ ᠡᠷᠬᠡᠪᠰᠢ ᠵᠥᠪᠰᠢᠶᠡᠷᠡᠯ᠎ᠤᠨ ᠦᠨᠡᠮᠯᠡᠯ ᠣᠯᠵᠤ᠂ ᠡᠷᠬᠡᠪᠰᠢ ᠬᠠᠮᠢᠶ᠎ᠡ ᠪᠦᠬᠦᠢ ᠪᠠᠷᠢᠮᠵᠢᠶ᠎ᠠ ᠶᠣᠰᠣᠭ᠋ᠠᠷ ᠦᠢ᠍ᠯᠡᠳᠴᠦ᠂ ᠡᠷᠬᠡᠪᠰᠢ ᠪᠦᠷᠢᠨ ᠲᠡᠭᠦᠯᠳᠡᠷ ᠬᠠᠮᠠᠭ᠋ᠠᠯᠠᠯᠲᠠ ᠵᠢᠨ ᠲᠣᠨᠣᠭᠯᠠᠯ᠎ᠲᠠᠢ ᠪᠠᠶ᠋ᠢᠬᠤ ᠬᠡᠷᠡᠭᠲᠡᠢ ᠪᠠᠢ᠌ᠳᠠᠭ; ᠣᠨᠠᠬᠤ᠎ᠨᠢ ᠬᠤᠷᠳᠤ᠎ᠪᠠᠨ ᠠᠯᠳᠠᠭᠰᠠᠨ᠎ᠢ ᠬᠠᠷᠠᠭᠤᠯᠵᠤ ᠪᠠᠢ᠌ᠭ᠎ᠠ ᠶᠤᠮ᠂ ᠭᠡᠪᠡᠴᠦ ᠴᠠᠬᠢᠯᠭ᠋ᠠᠨ ᠱᠠᠲᠤ᠎ᠨᠢ ᠬᠤᠷᠳᠤ ᠵᠢ ᠪᠠᠶ᠋ᠢᠴᠠᠭ᠋ᠠᠨ ᠬᠡᠮᠵᠢᠬᠦ ᠲᠣᠨᠣᠭᠯᠠᠯ᠎ᠲᠠᠢ᠂ ᠬᠤᠷ᠎ᠳᠤᠨᠢ ᠬᠡᠪ᠎ᠤᠨ ᠪᠤᠰᠤ ᠪᠣᠯᠣᠭᠰᠠᠨ ᠦᠶ᠎ᠡ᠎ᠳᠤ᠂ ᠴᠠᠬᠢᠯᠭ᠋ᠠᠨ ᠱᠠᠲᠤ ᠲᠣᠷᠣᠮᠰᠣᠯᠠᠵᠤ᠂ ᠵᠣᠭᠰᠣᠬᠤ ᠪᠣᠯᠣᠨ᠎ᠠ᠃ ᠬᠡᠷᠪᠡ ᠲᠣᠷᠣᠮᠰᠣᠯᠠᠵᠤ ᠳᠡᠢ᠌ᠯᠬᠦ ᠦᠭᠡᠶ ᠪᠣᠯ ᠴᠠᠬᠢᠯᠭ᠋ᠠᠨ ᠱᠠᠲᠤ ᠵᠢᠨ ᠬᠤᠷᠳᠤ ᠬᠢᠵᠠᠭ᠋ᠠᠷᠯᠠᠭᠤᠷ᠂ ᠠᠮᠤᠷ ᠲᠥᠪᠰᠢᠨ᠎ᠤ ᠬᠠᠪᠴᠢᠭᠤᠷ᠎ᠨᠢ ᠴᠠᠬᠢᠯᠭ᠋ᠠᠨ ᠱᠠᠲᠤ ᠵᠢᠨ ᠲᠠᠰᠤᠯᠭ᠎ᠠ ᠵᠢ ᠵᠠᠯᠠᠭᠤᠷ ᠵᠠᠮ ᠳᠡᠭᠡᠷ᠎ᠡ ᠶᠠᠭ ᠪᠠᠴᠢᠮ ᠲᠣᠷᠣᠮᠰᠣᠯᠠᠬᠤ ᠠᠳᠠᠯᠢ ᠬᠠᠪᠴᠢᠵᠤ ᠠᠪᠳᠠᠭ; ᠪᠠᠰᠠ ᠬᠠᠮᠤᠭ ᠰᠡᠭᠦᠯᠴᠢ ᠵᠢᠨ ᠨᠢᠭᠡ ᠭᠤᠭᠴᠤᠭ᠎ᠠ ᠪᠠᠢ᠌ᠳᠠᠭ᠂ ᠳᠠᠷᠤᠶ ᠨᠠᠮᠬᠠᠳᠬᠠᠭᠤᠷᠢ ᠴᠠᠬᠢᠯᠭ᠋ᠠᠨ ᠱᠠᠲᠤᠨ᠎ᠤ ᠨᠥᠬᠡᠨ ᠭᠣᠳᠣᠮᠤᠨ ᠬᠠᠮᠤᠭ᠎ᠤᠨ ᠳᠣᠣᠷᠠᠲᠤ ᠲᠠᠯ᠎ᠠ᠎ᠳᠤ ᠲᠠᠯᠪᠢᠵᠤ᠂ ᠴᠠᠬᠢᠯᠭ᠋ᠠᠨ ᠱᠠᠲᠤ ᠤᠨᠠᠭᠰᠠᠨ ᠴᠤ᠌ ᠨᠠᠮᠬᠠᠳᠬᠠᠬᠤ ᠦᠢ᠍ᠯᠡᠳᠦᠯ ᠦᠵᠡᠭᠦᠯᠵᠦ ᠴᠢᠳᠠᠳᠠᠭ᠃
ᠬᠥᠲᠥᠯᠥᠭᠴᠢ᠄
ᠹᠸᠩ ᠳᠠᠷᠤᠭ᠎ᠠ ᠵᠢᠨ ᠬᠠᠯᠠᠰᠢᠷᠠᠯ ᠦᠭᠡᠢ ᠲᠠᠢ᠌ᠯᠪᠤᠷᠢᠯᠠᠭᠰᠠᠨ᠎ᠳᠤ ᠲᠠᠯᠠᠷᠬᠠᠵᠤ ᠪᠠᠢ᠌ᠨ᠎ᠠ᠂ ᠮᠦᠨᠴᠦ ᠰᠦᠯᠵᠢᠶᠡᠨ ᠠᠨᠳᠠ ᠨᠠᠷ᠎ᠤᠨ ᠬᠦᠯᠢᠶᠡᠨ ᠠᠪᠴᠤ ᠦᠵᠡᠭᠰᠡᠨ᠎ᠳᠤ ᠲᠠᠯᠠᠷᠬᠠᠵᠤ ᠪᠠᠶ᠋ᠢᠨ᠎ᠠ᠃ ᠴᠠᠭ᠎ᠤᠨ ᠬᠠᠷᠠᠭ᠎ᠠ᠎ᠪᠠᠷ᠂ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠲᠡᠭᠦᠰᠦᠯ᠎ᠡ᠂ ᠳᠠᠷᠠᠭ᠋ᠠᠴᠢ ᠵᠢᠨ ᠫᠷᠦᠭᠷᠠᠮ᠎ᠳᠤ ᠪᠠᠶᠠᠷᠲᠠᠶ ᠵᠣᠯᠭ᠋ᠠᠶ᠎ᠠ!

96116 ᠪᠠᠴᠢᠮ ᠪᠠᠢ᠌ᠳᠠᠯ᠎ᠢ ᠠᠷᠭ᠋ᠠᠴᠠᠨ ᠰᠢᠢ᠍ᠳᠪᠦᠷᠢᠯᠡᠬᠦ ᠲᠥᠪ ᠪᠠᠴᠢᠮ ᠠᠪᠤᠷᠠᠯᠲᠠ ᠵᠢᠨ ᠲᠡᠮᠳᠡᠭ᠎ᠢ ᠵᠢᠩᠬᠢᠨᠢ᠎ᠪᠠᠷ ᠲᠠᠷᠬᠠᠭ᠋ᠠᠪᠠ

ᠴᠠᠬᠢᠯᠭ᠋ᠠᠨ ᠱᠠᠲᠤ ᠵᠢᠨ ᠪᠠᠴᠢᠮ ᠪᠠᠢ᠌ᠳᠠᠯ᠎ᠢ ᠠᠷᠭ᠋ᠠᠴᠠᠨ ᠰᠢᠢ᠍ᠳᠪᠦᠷᠢᠯᠡᠬᠦ ᠵᠢᠯᠣᠭᠣᠳᠤᠯᠭ᠎ᠠ ᠵᠢᠨ ᠲᠥᠪ᠎ᠤᠨ ᠬᠢᠨᠠᠨ ᠡᠵᠡᠮᠳᠡᠬᠦ ᠲᠠᠰᠤᠭ

ᠥᠪᠡᠷᠲᠡᠭᠡᠨ ᠵᠠᠰᠠᠬᠣ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠡᠯᠸᠺᠲᠷᠤᠨ ᠵᠠᠰᠠᠭ᠎ᠤᠨ ᠶᠠᠪᠤᠳᠠᠯ᠎ᠤᠨ ᠭᠠᠵᠠᠷ᠎ᠤᠨ ᠳᠠᠷᠤᠭ᠎ᠠ ᠡᠾᠸ ᠪᠢᠶᠤᠤ ᠡᠷᠬᠢᠮ ᠵᠣᠴᠢᠨ᠎ᠳᠤ ᠪᠠᠷ᠎ᠠ ᠪᠣᠯᠵᠤ ᠥᠪᠡᠷᠲᠡᠭᠡᠨ ᠵᠠᠰᠠᠬᠣ ᠣᠷᠣᠨ᠎ᠤ ᠫᠤᠷᠲᠸᠯ ᠰᠦᠯᠵᠢᠶ᠎ᠡ ᠵᠢ ᠲᠣᠭᠤᠷᠢᠨ ᠦᠵᠡᠵᠦ ᠪᠠᠢ᠌ᠭ᠎ᠠ᠎ᠨᠢ

ᠥᠪᠡᠷᠲᠡᠭᠡᠨ ᠵᠠᠰᠠᠬᠣ ᠣᠷᠣᠨ ᠵᠢᠨ ᠶᠠᠰᠤ ᠴᠢᠨᠠᠷ᠎ᠲᠤ ᠮᠡᠷᠭᠡᠵᠢᠯ ᠵᠶ᠋ᠡᠷ ᠬᠢᠨᠠᠯᠲᠠ ᠲᠠᠯᠪᠢᠬᠤ ᠲᠣᠪᠴᠢᠶ᠎ᠠ ᠵᠢᠨ ᠳᠡᠳ᠋ ᠲᠣᠭᠤᠷᠢᠨ ᠪᠠᠢ᠌ᠴᠠᠭ᠋ᠠᠭᠴᠢ ᠹᠸᠩ ᠶᠸ 《ᠳᠤᠮᠳᠠᠳᠤ ᠤᠯᠤᠰ ᠥᠪᠥᠷ ᠮᠣᠩᠭᠤᠯ》 ᠰᠦᠯᠵᠢᠶ᠎ᠡ᠎ᠳᠤ ᠰᠠᠭ᠋ᠠᠳᠠᠵᠤ ᠪᠠᠢ᠌ᠭ᠎ᠠ᠎ᠨᠢ