ᠰᠤᠷᠪᠤᠯᠵᠢᠯᠠᠨ ᠶᠠᠷᠢᠯᠴᠠᠭᠰᠠᠨ ᠴᠠᠭ᠄
2015 ᠤᠨ᠎ᠤ 7 ᠳ᠋ᠤᠭ᠋ᠠᠷ ᠰᠠᠷ᠎ᠠ ᠵᠢᠨ 22᠎ᠤᠨ ᠡᠳᠦᠷ᠎ᠤᠨ ᠦᠳᠡ ᠵᠢᠨ ᠡᠮᠦᠨ᠎ᠡ ᠵᠢᠨ 10 ᠴᠠᠭ
ᠰᠤᠷᠪᠤᠯᠵᠢᠯᠠᠨ ᠶᠠᠷᠢᠯᠴᠠᠭᠰᠠᠨ ᠵᠣᠴᠢᠨ᠄
ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠮᠡᠳᠡᠭᠡ ᠵᠠᠩᠭᠢᠵᠢᠯ᠎ᠤᠨ ᠵᠥᠪᠯᠡᠯ᠎ᠤᠨ ᠳᠡᠳ᠋ ᠡᠷᠬᠢᠯᠡᠭᠴᠢ᠂ ᠨᠡᠭᠦᠷᠡᠰᠦᠨ ᠠᠵᠤ ᠦᠢ᠍ᠯᠡᠳᠪᠦᠷᠢ ᠵᠢᠨ ᠲᠣᠪᠴᠢᠶ᠎ᠠ ᠵᠢᠨ ᠳᠠᠷᠤᠭ᠎ᠠ ᠸᠠᠩ ᠵᠢᠶᠦ᠋ᠨ ᠹᠸᠩ
ᠰᠤᠷᠪᠤᠯᠵᠢᠯᠠᠨ ᠶᠠᠷᠢᠯᠴᠠᠭᠰᠠᠨ ᠲᠣᠪᠴᠢ᠄
《ᠨᠡᠭᠦᠷᠡᠰᠦ ᠵᠢ ᠤᠯᠠᠷᠢᠭᠤᠯᠬᠤ ᠠᠵᠤ ᠠᠬᠤᠢ᠌ᠯᠠᠯ ᠬᠢᠭᠡᠳ ᠨᠡᠭᠦᠷᠡᠰᠦ ᠦᠢ᠍ᠯᠡᠳᠪᠦᠷᠢᠯᠡᠬᠦ ᠠᠵᠤ ᠠᠬᠤᠢ᠌ᠯᠠᠯ᠎ᠤᠨ ᠳᠠᠬᠢᠨ ᠵᠣᠬᠢᠶᠠᠨ ᠪᠠᠢ᠌ᠭᠤᠯᠬᠤ ᠵᠢ ᠳᠡᠮᠵᠢᠬᠦ ᠬᠣᠯᠪᠣᠭᠳᠠᠯ ᠪᠦᠬᠦᠢ ᠤᠴᠢᠷ᠎ᠤᠨ ᠲᠤᠬᠠᠢ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠤᠰᠬᠠᠶ ᠰᠡᠳᠦᠪᠲᠦ ᠬᠤᠷᠠᠯ ᠵᠶ᠋ᠡᠷ ᠬᠢᠨᠠᠨ ᠵᠥᠪᠯᠡᠭᠦᠯᠵᠦ ᠪᠠᠲᠤᠯᠠᠭᠤᠯᠤᠭᠰᠠᠨ᠎ᠤ ᠬᠠᠮᠲᠤ ᠥᠪᠥᠷ ᠵᠠᠰᠠᠭ ᠠᠯᠪᠠᠨ ᠲᠠᠷᠬᠠᠭ᠋ᠠᠭᠰᠠᠨ [2015] 57 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ ᠵᠶ᠋ᠠᠷ ᠢᠯᠡ ᠨᠡᠢ᠌ᠲᠡᠯᠡᠪᠡ᠃ ᠨᠡᠶ᠋ᠢᠭᠡᠮ᠎ᠤᠨ ᠣᠯᠠᠨ ᠨᠡᠶ᠋ᠢᠲᠡ ᠪᠠ ᠨᠡᠭᠦᠷᠡᠰᠦᠨ (ᠤᠯᠠᠷᠢᠭᠤᠯᠬᠤ᠂ ᠦᠢ᠍ᠯᠡᠳᠪᠦᠷᠢᠯᠡᠬᠦ)᠎ᠤ ᠠᠵᠤ ᠠᠬᠤᠶ᠋ᠢᠯᠠᠯ᠎ᠤᠳ᠎ᠲᠤ 《ᠮᠡᠳᠡᠭᠳᠡᠯ》᠎ᠤᠨ ᠬᠣᠯᠪᠣᠭᠳᠠᠯ ᠪᠦᠬᠦᠢ ᠠᠭᠤᠯᠭ᠎ᠠ ᠵᠢ ᠤᠯᠠᠮ ᠨᠢᠭᠡ ᠠᠯᠬᠤᠮ ᠭᠦᠨᠵᠡᠭᠡᠶ ᠣᠢ᠌ᠯᠠᠭ᠋ᠠᠭᠤᠯᠬᠤ ᠵᠢᠨ ᠲᠤᠰᠠᠳᠠ᠂ ᠣᠶ᠋ᠢᠷ᠎ᠠ᠎ᠳᠤ᠂ ᠪᠢᠳᠡ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠮᠡᠳᠡᠭᠡ ᠵᠠᠩᠭᠢᠵᠢᠯ᠎ᠤᠨ ᠵᠥᠪᠯᠡᠯ᠎ᠤᠨ ᠳᠡᠳ᠋ ᠡᠷᠬᠢᠯᠡᠭᠴᠢ᠂ ᠨᠡᠭᠦᠷᠡᠰᠦᠨ᠎ᠤ ᠠᠵᠤ ᠦᠢ᠍ᠯᠡᠳᠪᠦᠷᠢ ᠵᠢᠨ ᠲᠣᠪᠴᠢᠶ᠎ᠠ ᠵᠢᠨ ᠳᠠᠷᠤᠭ᠎ᠠ ᠸᠠᠩ ᠵᠢᠶᠦ᠋ᠨ ᠹᠸᠩ᠎ᠢ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶ᠎ᠡ᠎ᠳᠤ ᠤᠷᠢᠵᠤ᠂ ᠳᠠᠶᠠᠭ᠋ᠠᠷ ᠣᠯᠠᠨ᠎ᠲᠠᠢ ᠶᠠᠷᠢᠯᠴᠠᠭᠤᠯᠬᠤ ᠪᠤᠯᠤᠨ᠎ᠠ᠃ ᠥᠷᠭᠡᠨ ᠣᠯᠠᠨ ᠰᠦᠯᠵᠢᠶᠡᠨ ᠠᠨᠳᠠ ᠨᠡᠷ ᠲᠤᠬᠠᠢ ᠵᠢᠨ ᠴᠠᠭᠲᠤᠨᠢ ᠢᠳᠡᠪᠬᠢᠲᠡᠶ ᠣᠷᠣᠯᠴᠠᠬᠤ ᠵᠢ ᠪᠠᠶᠠᠷᠯᠠᠨ ᠤᠭᠲᠤᠵᠤ ᠪᠠᠶ᠋ᠢᠨ᠎ᠠ!
[ᠬᠥᠲᠥᠯᠥᠭᠴᠢ]᠄
ᠰᠦᠯᠵᠢᠶᠡᠨ ᠠᠨᠳᠠ ᠨᠡᠷ᠂ ᠰᠠᠶ᠋ᠢᠨ ᠪᠠᠢ᠌ᠵᠠᠭ᠋ᠠᠨ᠎ᠠ ᠦᠦ! ᠲᠤᠰ ᠬᠤᠭᠤᠴᠠᠭ᠋ᠠᠨ᠎ᠤ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠶ᠋ᠢᠨ᠎ᠠ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠮᠡᠳᠡᠭᠡ ᠵᠠᠩᠭᠢᠵᠢᠯ᠎ᠤᠨ ᠵᠥᠪᠯᠡᠯ᠎ᠤᠨ ᠳᠡᠳ᠋ ᠡᠷᠬᠢᠯᠡᠭᠴᠢ᠂ ᠨᠡᠭᠦᠷᠡᠰᠦᠨ ᠠᠵᠤ ᠦᠢ᠍ᠯᠡᠳᠪᠦᠷᠢ ᠵᠢᠨ ᠲᠣᠪᠴᠢᠶ᠎ᠠ ᠵᠢᠨ ᠳᠠᠷᠤᠭ᠎ᠠ ᠸᠠᠩ ᠵᠢᠶᠦ᠋ᠨ ᠹᠸᠩ ᠵᠢ ᠤᠷᠢᠵᠤ᠂ ᠲᠡᠭᠦᠨ ᠵᠶ᠋ᠡᠷ 《ᠨᠡᠭᠦᠷᠡᠰᠦ ᠵᠢ ᠤᠯᠠᠷᠢᠭᠤᠯᠬᠤ ᠠᠵᠤ ᠠᠬᠤᠢ᠌ᠯᠠᠯ ᠬᠢᠭᠡᠳ ᠨᠡᠭᠦᠷᠡᠰᠦ ᠦᠢ᠍ᠯᠡᠳᠪᠦᠷᠢᠯᠡᠬᠦ ᠠᠵᠤ ᠠᠬᠤᠢ᠌ᠯᠠᠯ᠎ᠤᠨ ᠳᠠᠬᠢᠨ ᠵᠣᠬᠢᠶᠠᠨ ᠪᠠᠢ᠌ᠭᠤᠯᠬᠤ ᠵᠢ ᠳᠡᠮᠵᠢᠬᠦ ᠬᠣᠯᠪᠣᠭᠳᠠᠯ ᠪᠦᠬᠦᠢ ᠤᠴᠢᠷ᠎ᠤᠨ ᠲᠤᠬᠠᠢ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2015] 57 ᠳ᠋ᠤᠭ᠋ᠠᠷ ᠲᠣᠭ᠋ᠠᠲᠤ)᠎ᠤᠨ ᠲᠤᠬᠠᠢ ᠣᠯᠠᠨ᠎ᠳᠤ ᠰᠦᠯᠵᠢᠶᠡᠨ ᠳᠡᠭᠡᠷ᠎ᠡ ᠲᠠᠢ᠌ᠯᠪᠤᠷᠢᠯᠠᠯᠲᠠ ᠬᠢᠬᠦ᠎ᠪᠠᠷ ᠪᠠᠢ᠌ᠨ᠎ᠠ᠃ ᠸᠠᠩ ᠡᠷᠬᠢᠯᠡᠭᠴᠢ ᠡ᠂ ᠲᠠᠨ᠎ᠢ ᠪᠠᠶᠠᠷᠯᠠᠨ ᠤᠭᠲᠤᠵᠤ ᠪᠠᠢ᠌ᠨ᠎ᠠ!
[ᠸᠠᠩ ᠵᠢᠶᠦ᠋ᠨ ᠹᠸᠩ]᠄
ᠬᠦᠲᠦᠯᠦᠭᠴᠢ ᠰᠠᠢ᠌ᠨ ᠤᠤ? ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨ᠎ᠠ ᠦᠦ?
[ᠬᠥᠲᠥᠯᠥᠭᠴᠢ]᠄
ᠸᠠᠩ ᠡᠷᠬᠢᠯᠡᠭᠴᠢ ᠡ᠂ ᠲᠠ ᠪᠢᠳᠡᠨ᠎ᠳᠤ 《ᠨᠡᠭᠦᠷᠡᠰᠦ ᠵᠢ ᠤᠯᠠᠷᠢᠭᠤᠯᠬᠤ ᠠᠵᠤ ᠠᠬᠤᠢ᠌ᠯᠠᠯ ᠬᠢᠭᠡᠳ ᠨᠡᠭᠦᠷᠡᠰᠦ ᠦᠢ᠍ᠯᠡᠳᠪᠦᠷᠢᠯᠡᠬᠦ ᠠᠵᠤ ᠠᠬᠤᠢ᠌ᠯᠠᠯ᠎ᠤᠨ ᠳᠠᠬᠢᠨ ᠵᠣᠬᠢᠶᠠᠨ ᠪᠠᠢ᠌ᠭᠤᠯᠬᠤ ᠵᠢ ᠳᠡᠮᠵᠢᠬᠦ ᠬᠣᠯᠪᠣᠭᠳᠠᠯ ᠪᠦᠬᠦᠢ ᠤᠴᠢᠷ᠎ᠤᠨ ᠲᠤᠬᠠᠢ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠨᠡᠢ᠌ᠲᠡᠯᠡᠭᠰᠡᠨ ᠠᠬᠤᠶ ᠪᠠᠶ᠋ᠢᠳᠠᠯ᠎ᠢ ᠲᠠᠨᠢᠯᠴᠠᠭᠤᠯᠤᠭ᠋ᠠᠳ ᠥᠭᠭᠦᠨ᠎ᠡ ᠦᠦ?
[ᠸᠠᠩ ᠵᠢᠶᠦ᠋ᠨ ᠹᠸᠩ]᠄
《ᠮᠡᠳᠡᠭᠳᠡᠯ》᠎ᠢ ᠭᠣᠣᠯᠳᠠᠭᠤ ᠮᠠᠨ᠎ᠤ ᠤᠯᠤᠰ᠎ᠤᠨ ᠨᠡᠭᠦᠷᠡᠰᠦᠨ᠎ᠤ ᠵᠠᠬ᠎ᠠ ᠳᠡᠯᠭᠡᠭᠦᠷ᠎ᠤᠨ ᠬᠠᠩᠭ᠋ᠠᠯᠭ᠎ᠠ᠎ᠨᠢ ᠬᠡᠷᠡᠭᠴᠡᠭᠡ᠎ᠠᠴᠠ᠎ᠪᠠᠨ ᠶᠡᠬᠡ᠂ ᠦᠢ᠍ᠯᠡᠳᠪᠦᠷᠢᠯᠡᠬᠦ ᠴᠢᠳᠠᠪᠤᠷᠢ ᠬᠦᠨᠳᠦ ᠨᠣᠴᠢᠲᠠᠶ ᠦᠯᠡᠬᠦᠳᠡᠵᠦ ᠪᠠᠢ᠌ᠬᠤ ᠣᠳᠣᠬᠢ ᠪᠠᠶ᠋ᠢᠳᠠᠯ᠎ᠳᠤ ᠴᠢᠭᠯᠡᠭᠦᠯᠦᠨ᠂ ᠦᠢ᠍ᠯᠡᠳᠪᠦᠷᠢᠯᠡᠬᠦ ᠴᠢᠳᠠᠪᠤᠷᠢ ᠦᠯᠡᠬᠦᠳᠡᠵᠦ ᠪᠠᠢ᠌ᠭ᠎ᠠ ᠵᠢ ᠡᠬᠢ ᠡᠭᠦᠰᠦᠯ᠎ᠠᠴᠠ᠎ᠨᠢ ᠠᠷᠢᠯᠭ᠋ᠠᠵᠤ᠂ ᠮᠠᠨ᠎ᠤ ᠣᠷᠣᠨ᠎ᠤ ᠨᠡᠭᠦᠷᠡᠰᠦᠨ ᠠᠵᠤ ᠠᠬᠤᠶ ᠵᠢᠨ ᠦᠷᠭᠦᠯᠵᠢᠯᠡᠨ ᠲᠣᠭᠲᠠᠭᠤᠨ ᠵᠶ᠋ᠠᠷ ᠬᠥᠭᠵᠢᠬᠦ ᠵᠢ ᠠᠬᠢᠭᠤᠯᠬᠤ ᠵᠢᠨ ᠲᠥᠯᠥᠭᠡ ᠲᠣᠭᠲᠠᠭ᠋ᠠᠵᠤ ᠨᠡᠢ᠌ᠲᠡᠯᠡᠭᠰᠡᠨ ᠶᠤᠮ᠃
ᠪᠦᠬᠦ ᠤᠯᠤᠰ᠎ᠤᠨ ᠪᠠᠶ᠋ᠢᠳᠠᠯ᠎ᠠᠴᠠ ᠠᠪᠴᠤ ᠦᠵᠡᠪᠡᠯ᠂ 2000 ᠣᠨ᠎ᠠᠴᠠ 2012 ᠣᠨ ᠪᠣᠯᠲᠠᠯᠠᠬᠢ 13 ᠵᠢᠯ᠎ᠤᠨ ᠬᠣᠭᠣᠷᠣᠨᠳᠤ᠂ ᠮᠠᠨ᠎ᠤ ᠤᠯᠤᠰ᠎ᠤᠨ ᠨᠡᠭᠦᠷᠡᠰᠦᠨ᠎ᠤ ᠭᠠᠷᠤᠯᠲᠠ 9.98 ᠳ᠋ᠦᠩᠰᠢᠭᠤᠷ ᠲᠣᠨ ᠪᠠᠶ᠋ᠢᠭᠰᠠᠨ᠎ᠠᠴᠠ᠎ᠪᠠᠨ 36.5 ᠳ᠋ᠦᠩᠰᠢᠭᠤᠷ ᠲᠣᠨ᠎ᠳᠤ ᠬᠦᠷᠲᠡᠯ᠎ᠡ ᠨᠡᠮᠡᠭᠳᠡᠪᠡ᠃ ᠣᠶ᠋ᠢᠷ᠎ᠠ ᠵᠢᠨ ᠬᠡᠳᠦᠨ ᠵᠢᠯ᠎ᠳᠤ᠂ 《ᠭᠤᠷᠪᠠᠨ ᠬᠤᠭᠤᠴᠠᠭ᠎ᠠ ᠳᠠᠪᠬᠤᠴᠠᠭᠰᠠᠨ》᠂ ᠠᠭ᠋ᠠᠷ ᠮᠠᠨᠳᠠᠯ᠎ᠤᠨ ᠪᠣᠬᠢᠷᠲᠤᠯ᠎ᠢ ᠵᠠᠰᠠᠬᠤ᠂ ᠭᠠᠳᠠᠭ᠋ᠠᠳᠤ᠎ᠠᠴᠠ ᠣᠷᠣᠭᠤᠯᠤᠭᠰᠠᠨ ᠨᠡᠭᠦᠷᠡᠰᠦᠨ᠎ᠤ ᠳᠠᠭ᠋ᠠᠷᠢᠯᠲᠠ ᠵᠡᠷᠭᠡ᠎ᠳᠤ ᠨᠥᠯᠥᠭᠡᠯᠡᠭᠳᠡᠵᠦ᠂ ᠪᠦᠬᠦ ᠤᠯᠤᠰ᠎ᠤᠨ ᠨᠡᠭᠦᠷᠡᠰᠦᠨ᠎ᠤ ᠬᠡᠷᠡᠭᠴᠡᠭᠡ ᠶᠡᠬᠡ ᠬᠡᠮᠵᠢᠶ᠎ᠡ᠎ᠪᠠᠷ ᠪᠠᠭ᠋ᠠᠰᠪᠠ᠃ 2013 ᠣᠨ᠎ᠤ ᠭᠠᠷᠤᠯᠲᠠ 39.7 ᠳ᠋ᠦᠩᠰᠢᠭᠤᠷ ᠲᠣᠨ᠂ 2014 ᠣᠨ᠎ᠤ ᠭᠠᠷᠤᠯᠲᠠ 38.7 ᠳ᠋ᠦᠩᠰᠢᠭᠤᠷ ᠲᠣᠨ ᠪᠠᠢ᠌ᠵᠤ᠂ 2.5%᠎ᠪᠠᠷ ᠪᠠᠭᠤᠷᠠᠪᠠ᠂ ᠡᠨᠡ᠎ᠨᠢ 2000 ᠣᠨ᠎ᠠᠴᠠ ᠨᠠᠰᠢᠬᠢ ᠠᠩᠬ᠎ᠠ ᠤᠳᠠᠭ᠋ᠠᠨ᠎ᠤ ᠰᠥᠭᠡᠷᠭᠦ ᠨᠡᠮᠡᠭᠳᠡᠯ ᠪᠣᠯᠣᠨ᠎ᠠ᠃ 2015 ᠣᠨ᠎ᠤ 1 — 4 ᠳ᠋ᠦ᠍ᠭᠡᠷ ᠰᠠᠷ᠎ᠠ ᠪᠣᠯᠲᠠᠯ᠎ᠠ᠂ ᠪᠦᠬᠦ ᠤᠯᠤᠰ᠎ᠤᠨ ᠲᠦᠭᠦᠬᠡᠢ ᠨᠡᠭᠦᠷᠡᠰᠦᠨ᠎ᠤ ᠭᠠᠷᠤᠯᠲᠠ 11. 5 ᠳ᠋ᠦᠩᠰᠢᠭᠤᠷ ᠲᠣᠨ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 6 .1 %᠎ᠪᠠᠷ ᠪᠠᠭᠤᠷᠠᠪᠠ᠃
ᠤᠯᠤᠰ᠎ᠤᠨ ᠡᠨᠧᠷᠭᠢ ᠬᠥᠭᠵᠢᠭᠦᠯᠬᠦ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ ᠵᠢᠨ ᠲᠥᠯᠥᠪᠯᠡᠭᠡ᠎ᠳᠤ᠂ 2020 ᠣᠨ ᠪᠣᠯᠬᠤ᠎ᠳᠤ ᠪᠦᠬᠦ ᠤᠯᠤᠰ᠎ᠤᠨ ᠨᠡᠭᠦᠷᠡᠰᠦᠨ᠎ᠤ ᠬᠡᠷᠡᠭᠯᠡᠭᠡᠨ᠎ᠤ ᠶᠡᠷᠦᠩᠬᠡᠶ ᠬᠡᠮᠵᠢᠶ᠎ᠡ ᠵᠢ 42 ᠳ᠋ᠦᠩᠰᠢᠭᠤᠷ ᠲᠣᠨ ᠣᠷᠴᠢᠮ᠎ᠳᠤ ᠬᠢᠵᠠᠭ᠋ᠠᠷᠯᠠᠨ᠎ᠠ ᠭᠡᠵᠦ ᠳᠤᠷᠠᠳᠤᠭᠰᠠᠨ ᠪᠠᠢ᠌ᠨ᠎ᠠ᠃ ᠭᠡᠪᠡᠴᠦ ᠣᠳᠣᠬᠠᠨ᠎ᠤ ᠪᠦᠬᠦ ᠤᠯᠤᠰ᠎ᠤᠨ ᠣᠳᠣ ᠪᠠᠶ᠋ᠢᠭ᠎ᠠ ᠨᠡᠭᠦᠷᠡᠰᠦ ᠦᠢ᠍ᠯᠡᠳᠪᠦᠷᠢᠯᠡᠬᠦ ᠴᠢᠳᠠᠪᠤᠷᠢ 40 ᠳ᠋ᠦᠩᠰᠢᠭᠤᠷ ᠲᠣᠨ᠎ᠢ ᠳᠠᠪᠠᠭ᠋ᠠᠳ᠂ 2020 ᠣᠨ᠎ᠤ ᠪᠦᠬᠦ ᠤᠯᠤᠰ᠎ᠤᠨ ᠨᠡᠭᠦᠷᠡᠰᠦᠨ᠎ᠤ ᠬᠡᠷᠡᠭᠯᠡᠭᠡ ᠵᠢ ᠬᠢᠵᠠᠭ᠋ᠠᠷᠯᠠᠬᠤ ᠬᠠᠷᠠᠯᠲᠠ᠎ᠳᠤ ᠣᠢ᠌ᠷᠠᠳᠠᠵᠤ ᠪᠣᠢ᠃ ᠣᠳᠣᠬᠠᠨ᠎ᠳᠤ ᠪᠦᠲᠦᠭᠡᠨ ᠪᠠᠶ᠋ᠢᠭᠤᠯᠵᠤ ᠪᠠᠶ᠋ᠢᠭ᠎ᠠ ᠦᠢ᠍ᠯᠡᠳᠪᠦᠷᠢᠯᠡᠬᠦ ᠴᠢᠳᠠᠪᠤᠷᠢ ᠵᠢ ᠨᠡᠮᠡᠪᠡᠯ᠂ ᠪᠦᠬᠦ ᠤᠯᠤᠰ᠎ᠤᠨ ᠨᠡᠭᠦᠷᠡᠰᠦᠨ᠎ᠤ ᠶᠡᠷᠦᠩᠬᠡᠢ ᠦᠢ᠍ᠯᠡᠳᠪᠦᠷᠢᠯᠡᠬᠦ ᠴᠢᠳᠠᠪᠤᠷᠢ 2020 ᠣᠨ᠎ᠤ ᠬᠡᠷᠡᠭᠯᠡᠭᠡᠨ᠎ᠤ ᠬᠢᠵᠠᠭ᠋ᠠᠷᠯᠠᠬᠤ ᠬᠡᠮᠵᠢᠶ᠎ᠡ᠎ᠠᠴᠠ ᠬᠣᠯᠠ ᠳᠠᠪᠠᠬᠤ ᠪᠣᠯᠣᠨ᠎ᠠ᠃
[ᠸᠠᠩ ᠵᠢᠶᠦ᠋ᠨ ᠹᠸᠩ]᠄
ᠮᠠᠨ᠎ᠤ ᠣᠷᠣᠨ᠎ᠤ ᠪᠠᠢ᠌ᠳᠠᠯ᠎ᠠᠴᠠ ᠠᠪᠴᠤ ᠦᠵᠡᠪᠡᠯ᠂ 2014 ᠣᠨ᠎ᠤ ᠮᠠᠨ᠎ᠤ ᠣᠷᠣᠨ᠎ᠤ ᠨᠡᠭᠦᠷᠡᠰᠦᠨ᠎ᠤ ᠭᠠᠷᠤᠯᠲᠠ 9.9 ᠳ᠋ᠦᠩᠰᠢᠭᠤᠷ ᠲᠣᠨ ᠪᠠᠢ᠌ᠵᠤ᠂ ᠭᠠᠳᠠᠭᠰᠢ ᠪᠣᠷᠣᠯᠠᠭᠤᠯᠤᠭᠰᠠᠨ ᠪᠠ ᠳᠣᠲᠣᠭ᠋ᠠᠳᠤ ᠬᠡᠷᠡᠭᠴᠡᠭᠡ ᠵᠢᠨ ᠬᠠᠷᠢᠴᠠᠯ᠎ᠨᠢ 6:4 ᠪᠣᠯᠣᠨ᠎ᠠ᠃ ᠣᠳᠣᠬᠠᠨ᠎ᠤ ᠵᠠᠬ᠎ᠠ ᠳᠡᠯᠭᠡᠭᠦᠷ᠎ᠤᠨ ᠪᠠᠶ᠋ᠢᠳᠠᠯ᠎ᠤᠨ ᠳᠣᠣᠷ᠎ᠠ᠂ ᠭᠠᠳᠠᠭᠰᠢ ᠪᠣᠷᠣᠯᠠᠭᠤᠯᠬᠤ ᠬᠡᠮᠵᠢᠶ᠎ᠡ ᠵᠢ ᠰᠢᠨ᠎ᠡ᠎ᠪᠠᠷ ᠨᠡᠮᠡᠭᠳᠡᠭᠦᠯᠬᠦ᠎ᠳᠤ ᠲᠦᠢ᠍ᠯ᠎ᠤᠨ ᠬᠦᠴᠢᠷᠳᠡᠯ᠎ᠲᠠᠢ ᠪᠠᠢ᠌ᠵᠤ᠂ ᠣᠷᠣᠨ᠎ᠤ ᠲᠣᠲᠣᠷ᠎ᠠ ᠰᠢᠨ᠎ᠡ᠎ᠪᠠᠷ ᠨᠡᠮᠡᠭᠳᠡᠭᠰᠡᠨ ᠨᠡᠭᠦᠷᠡᠰᠦᠨ᠎ᠤ ᠬᠣᠷᠣᠭᠳᠠᠭᠤᠯᠤᠭᠠᠨᠢ ᠭᠣᠣᠯᠳᠠᠭᠤ ᠤᠯᠤᠰ᠎ᠠᠴᠠ ᠨᠢᠭᠡᠨᠲᠡ ᠵᠥᠪᠰᠢᠶᠡᠷᠡᠭᠰᠡᠨ ᠮᠠᠨ ᠣᠷᠣᠨ᠎ᠤ ᠪᠦᠲᠦᠭᠡᠨ ᠪᠠᠢ᠌ᠭᠤᠯᠵᠤ ᠪᠠᠢ᠌ᠭ᠎ᠠ ᠣᠨᠴᠠ ᠥᠨᠳᠥᠷ ᠬᠦᠴᠦᠳᠡᠯᠲᠦ ᠴᠠᠬᠢᠯᠭ᠋ᠠᠨ ᠬᠦᠴᠦᠨ᠎ᠤ ᠨᠡᠪᠲᠡᠷᠡᠯ ᠵᠠᠮ᠎ᠤᠨ ᠴᠠᠬᠢᠯᠭ᠋ᠠᠨ ᠡᠭᠦᠰᠭᠡᠭᠴᠢ ᠴᠡᠭ᠂ ᠴᠢᠬᠤᠯᠠ ᠶᠡᠬᠡ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠳᠤ ᠲᠥᠪᠯᠡᠷᠡᠵᠦ ᠪᠤᠢ᠂ ᠵᠢᠱ᠌ᠢᠯᠲᠡ᠎ᠪᠠᠷ 2016 ᠣᠨ᠎ᠠᠴᠠ ᠡᠬᠢᠯᠡᠨ ᠵᠠᠯᠭ᠋ᠠᠯᠳᠤᠭ᠎ᠠ᠎ᠪᠠᠷ ᠠᠰᠢᠭᠯᠠᠯᠲᠠ᠎ᠳᠤ ᠣᠷᠣᠭᠤᠯᠵᠤ᠂ 2018᠎ᠠᠴᠠ ᠬᠣᠢ᠌ᠰᠢ ᠪᠦᠬᠦᠨ᠎ᠢ ᠪᠠᠢ᠌ᠭᠤᠯᠵᠤ ᠳᠠᠭᠤᠰᠬᠠᠨ ᠠᠰᠢᠭᠯᠠᠯᠲᠠ᠎ᠳᠤ ᠣᠷᠤᠭᠤᠯᠤᠭ᠋ᠠᠳ᠂ ᠳᠦᠭᠦᠷᠡᠩ ᠠᠴᠢᠶ᠎ᠠ᠎ᠪᠠᠷ ᠠᠵᠢᠯᠯᠠᠭᠤᠯᠤᠭᠰᠠᠨᠤ ᠳᠠᠷᠠᠭ᠎ᠠ ᠵᠢᠯ᠎ᠳᠤ 4 ᠳ᠋ᠦᠩᠰᠢᠭᠤᠷ ᠲᠣᠨ ᠨᠡᠭᠦᠷᠡᠰᠦ ᠤᠯᠠᠷᠢᠭᠤᠯᠬᠤ ᠪᠣᠯᠣᠨ᠎ᠠ᠃ ᠡᠭᠦᠨ᠎ᠢ ᠦᠨᠳᠦᠰᠦᠯᠡᠨ ᠲᠥᠰᠦᠭᠡᠯᠡᠨ ᠪᠣᠳᠣᠪᠠᠯ᠂ ᠮᠠᠨ᠎ᠤ ᠣᠷᠣᠨ᠎ᠤ ᠨᠡᠭᠦᠷᠡᠰᠦᠨ᠎ᠤ ᠬᠡᠷᠡᠭᠴᠡᠭᠡ ᠵᠢᠨ ᠣᠷᠭᠢᠯ᠎ᠨᠢ 2018 ᠣᠨ᠎ᠳᠤ 14 ᠳ᠋ᠦᠩᠰᠢᠭᠤᠷ ᠲᠣᠨ ᠪᠠᠢ᠌ᠵᠤ᠂ ᠡᠭᠦᠨ᠎ᠳᠤ᠂ ᠣᠷᠣᠨ᠎ᠠᠴᠠ ᠭᠠᠷᠬᠤ᠎ᠨᠢ 6 ᠳ᠋ᠦᠩᠰᠢᠭᠤᠷ ᠲᠣᠨ᠂ ᠣᠷᠣᠨ᠎ᠤ ᠳᠣᠲᠣᠷᠠᠬᠢ᠎ᠨᠢ 8 ᠳ᠋ᠦᠩᠰᠢᠭᠤᠷ ᠲᠣᠨ ᠪᠣᠯᠣᠨ᠎ᠠ᠃ ᠮᠠᠨ᠎ᠤ ᠣᠷᠣᠨ᠎ᠤ ᠪᠠᠶ᠋ᠢᠭᠤᠯᠵᠤ ᠪᠠᠶ᠋ᠢᠭ᠎ᠠ ᠦᠢ᠍ᠯᠡᠳᠪᠦᠷᠢᠯᠡᠬᠦ ᠴᠢᠳᠠᠪᠤᠷᠢ ᠬᠣᠶᠠᠷ ᠵᠢᠯ᠎ᠤᠨ ᠳᠠᠷᠠᠭ᠎ᠠ ᠠᠰᠢᠭᠯᠠᠯᠲᠠ᠎ᠳᠤ ᠣᠷᠣᠬᠤ ᠨᠥᠬᠥᠴᠡᠯ᠎ᠢ ᠪᠦᠷᠢᠯᠳᠦᠭᠦᠯᠵᠦ᠂ ᠶᠡᠷᠦᠩᠬᠡᠢ ᠦᠢ᠍ᠯᠡᠳᠪᠦᠷᠢᠯᠡᠬᠦ ᠴᠢᠳᠠᠪᠤᠷᠢ᠎ᠨᠢ ᠭᠠᠷᠤᠯᠲᠠ ᠵᠢᠨ ᠣᠷᠭᠢᠯ ᠬᠡᠮᠵᠢᠭᠳᠡᠯ᠎ᠠᠴᠠ ᠳᠠᠪᠠᠬᠤ ᠪᠣᠯᠤᠨ᠎ᠠ᠃
ᠡᠭᠦᠨ᠎ᠠᠴᠠ ᠭᠠᠳᠠᠨ᠎ᠠ᠂ ᠮᠠᠨ᠎ᠤ ᠣᠷᠣᠨ᠎ᠤ ᠤᠯᠠᠷᠢᠭᠤᠯᠬᠤ᠎ᠳᠤ ᠢᠵᠢ ᠪᠦᠷᠢᠳᠦᠭᠦᠯᠬᠦ ᠲᠥᠷᠥᠯ ᠵᠦᠢ᠍ᠯ ᠲᠣᠬᠢᠷᠠᠭᠤᠯᠤᠭᠰᠠᠨ ᠨᠡᠭᠦᠷᠡᠰᠦᠨ᠎ᠤ ᠡᠬᠢ ᠪᠠᠶᠠᠯᠢᠭ᠎ᠲᠤ ᠪᠠᠰᠠ ᠬᠡᠰᠡᠭ ᠦᠢ᠍ᠯᠡᠳᠪᠦᠷᠢᠯᠡᠬᠦ ᠴᠢᠳᠠᠪᠤᠷᠢ ᠵᠢ ᠪᠠᠶ᠋ᠢᠭᠤᠯᠬᠤ᠎ᠪᠠᠷ ᠪᠣᠢ᠃ ᠠᠵᠤ ᠠᠬᠤᠶ᠋ᠢᠯᠠᠯ ᠲᠦᠭᠰᠢᠭᠦᠷᠢᠲᠦ ᠠᠭᠤᠷᠬᠠᠶ ᠬᠠᠶ᠋ᠢᠬᠤ ᠡᠷᠬᠡ᠎ᠲᠠᠢ ᠪᠠᠢ᠌ᠵᠤ ᠪᠠᠢ᠌ᠭ᠋ᠠᠳ ᠪᠠᠰᠠ ᠠᠭᠤᠷᠬᠠᠶ ᠨᠡᠭᠡᠭᠡᠬᠦ ᠵᠢ ᠱᠠᠭ᠋ᠠᠷᠳᠠᠵᠤ ᠪᠤᠢ᠃ ᠮᠠᠨ᠎ᠤ ᠣᠷᠣᠨ᠎ᠤ ᠤᠯᠤᠰ᠎ᠠᠴᠠ ᠵᠥᠪᠰᠢᠶᠡᠷᠡᠭᠡᠳ ᠰᠢᠨ᠎ᠡ᠎ᠪᠠᠷ ᠪᠠᠢ᠌ᠭᠤᠯᠤᠭᠰᠠᠨ ᠴᠠᠬᠢᠯᠭ᠋ᠠᠨ ᠡᠭᠦᠰᠭᠡᠭᠴᠢ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠨᠢ ᠪᠠᠰᠠ ᠵᠣᠬᠢᠬᠤ ᠨᠡᠭᠦᠷᠡᠰᠦᠨ᠎ᠤ ᠡᠬᠢ ᠪᠠᠶᠠᠯᠢᠭ᠎ᠢ ᠰᠢᠨ᠎ᠡ᠎ᠪᠠᠷ ᠲᠣᠬᠢᠷᠠᠭᠤᠯᠬᠤ ᠴᠢᠬᠤᠯᠠᠲᠠᠶ ᠪᠠᠢ᠌ᠭ᠎ᠠ ᠲᠤᠯᠠ᠂ ᠬᠡᠷᠪᠡ ᠬᠢᠵᠠᠭ᠋ᠠᠷᠯᠠᠬᠤ ᠦᠭᠡᠶ ᠪᠣᠯ ᠮᠠᠨ᠎ᠤ ᠣᠷᠣᠨ᠎ᠤ ᠨᠡᠭᠦᠷᠡᠰᠦᠨ᠎ᠤ ᠦᠢ᠍ᠯᠡᠳᠪᠦᠷᠢᠯᠡᠬᠦ ᠴᠢᠳᠠᠪᠤᠷᠢ ᠦᠯᠡᠭᠦᠳᠡᠵᠦ ᠪᠠᠢ᠌ᠭ᠎ᠠ ᠵᠥᠷᠢᠴᠡᠯ᠎ᠢ ᠤᠯᠠᠮ ᠬᠤᠷᠴᠠᠳᠬᠠᠬᠤ ᠪᠣᠯᠣᠨ᠎ᠠ᠃
ᠨᠡᠭᠦᠷᠡᠰᠦᠨ᠎ᠤ ᠦᠢ᠍ᠯᠡᠳᠪᠦᠷᠢᠯᠡᠬᠦ ᠴᠢᠳᠠᠪᠤᠷᠢ ᠦᠯᠡᠭᠦᠳᠡᠵᠦ ᠪᠠᠢ᠌ᠭ᠎ᠠ᠎ᠠᠴᠠ ᠪᠣᠯᠣᠭᠰᠠᠨ ᠰᠢᠭᠤᠳ ᠦᠷ᠎ᠡ ᠳ᠋ᠦᠩ᠎ᠨᠢ ᠨᠡᠭᠦᠷᠡᠰᠦᠨ᠎ᠤ ᠦᠨ᠎ᠡ ᠬᠢᠮᠳᠠ᠂ ᠦᠷ᠎ᠡ ᠠᠰᠢᠭ ᠪᠠᠷᠤᠭᠲᠠᠶ᠂ ᠠᠵᠤ ᠠᠬᠤᠶ᠋ᠢᠯᠠᠯ᠎ᠤᠨ ᠡᠵᠡᠩᠨᠡᠯᠲᠡ ᠬᠦᠴᠢᠷᠲᠡᠶ ᠪᠣᠯᠪᠠ᠃ 2014 ᠣᠨ᠎ᠳᠤ᠂ ᠪᠦᠬᠦ ᠣᠷᠣᠨ᠎ᠤ ᠨᠡᠭᠦᠷᠡᠰᠦᠨ᠎ᠤ ᠠᠵᠤ ᠠᠬᠤᠶ᠋ᠢᠯᠠᠯ᠎ᠤᠨ ᠠᠯᠳᠠᠭᠳᠠᠯ᠎ᠤᠨ ᠬᠡᠪᠴᠢᠶ᠎ᠡ 28.1% ᠪᠠᠢ᠌ᠵᠤ᠂ ᠵᠣᠭᠰᠤᠭ᠋ᠠᠭᠰᠠᠨ ᠪᠤᠶᠤ ᠵᠣᠭᠰᠤᠩᠭᠤᠢ᠌ᠷᠠᠭᠰᠠᠨ ᠨᠡᠭᠦᠷᠡᠰᠦᠨ ᠠᠭᠤᠷᠬᠠᠶ 35 % ᠵᠢ ᠡᠵᠡᠯᠡᠵᠦ᠂ ᠠᠵᠢᠯ ᠲᠥᠷᠥᠯ᠎ᠤᠨ ᠠᠰᠢᠭ ᠬᠣᠨᠵᠢᠪᠣᠷᠢ 27.3%᠎ᠪᠠᠷ ᠳᠣᠷᠣᠭᠰᠢᠯᠠᠪᠠ᠃ 2015 ᠣᠨ᠎ᠤ 1-4 ᠳ᠋ᠦ᠍ᠭᠡᠷ ᠰᠠᠷ᠎ᠠ ᠪᠣᠯᠲᠠᠯ᠎ᠠ᠂ ᠪᠦᠬᠦ ᠣᠷᠣᠨ᠎ᠤ ᠨᠡᠭᠦᠷᠡᠰᠦᠨ᠎ᠤ ᠠᠵᠢᠯ ᠲᠥᠷᠥᠯ᠎ᠤᠨ ᠠᠰᠢᠭ ᠬᠣᠨᠵᠢᠪᠣᠷᠢ ᠠᠳᠠᠯᠢ ᠬᠤᠭᠤᠴᠠᠭ᠋ᠠᠨ᠎ᠤ᠎ᠬᠢ᠎ᠠᠴᠠ 28.4%᠎ᠪᠠᠷ ᠳᠣᠷᠣᠭᠰᠢᠯᠠᠵᠤ᠂ ᠤᠯᠠᠮ ᠨᠢᠭᠡ ᠠᠯᠬᠤᠮ ᠪᠠᠭᠤᠷᠠᠬᠤ ᠬᠠᠨᠳᠤᠰᠢ᠎ᠲᠠᠢ ᠪᠣᠯᠪᠠ᠃
ᠳᠡᠭᠡᠷ᠎ᠡ ᠳᠤᠷᠠᠳᠤᠭᠰᠠᠨ ᠪᠠᠶ᠋ᠢᠳᠠᠯ᠎ᠠᠴᠠ ᠦᠵᠡᠵᠦ ᠭᠠᠷᠬᠤ᠎ᠨᠢ᠄ ᠢᠷᠡᠬᠦ 3᠎ᠠᠴᠠ 5 ᠵᠢᠯ᠎ᠳᠤ ᠪᠦᠬᠦ ᠤᠯᠤᠰ᠎ᠤᠨ ᠨᠡᠭᠦᠷᠡᠰᠦᠨ᠎ᠤ ᠵᠠᠬ᠎ᠠ ᠳᠡᠯᠭᠡᠭᠦᠷ᠎ᠤᠨ ᠬᠠᠩᠭ᠋ᠠᠯᠭ᠎ᠠ᠎ᠨᠢ ᠬᠡᠷᠡᠭᠴᠡᠭᠡ᠎ᠠᠴᠠ᠎ᠪᠠᠨ ᠶᠡᠬᠡ ᠪᠠᠢ᠌ᠬᠤ᠎ᠨᠢ ᠰᠢᠨ᠎ᠡ ᠬᠡᠪ ᠪᠠᠶ᠋ᠢᠳᠠᠯ ᠪᠣᠯᠵᠤ᠂ ᠬᠠᠮᠤᠭ᠎ᠤᠨ ᠲᠣᠪᠣᠶ᠋ᠢᠮ᠎ᠠ ᠠᠰᠠᠭᠤᠳᠠᠯ ᠪᠣᠯ ᠦᠢ᠍ᠯᠡᠳᠪᠦᠷᠢᠯᠡᠬᠦ ᠴᠢᠳᠠᠪᠤᠷᠢ ᠵᠢᠨ ᠦᠯᠡᠭᠦᠳᠡᠯ ᠪᠣᠯᠣᠨ᠎ᠠ᠃
ᠳᠡᠭᠡᠷᠡᠬᠢ ᠪᠠᠢ᠌ᠳᠠᠯ᠎ᠳᠤ ᠰᠠᠭᠤᠷᠢᠯᠠᠨ ᠪᠤᠳᠣᠯᠬᠢᠯᠠᠭ᠋ᠠᠳ᠂ ᠮᠠᠨ᠎ᠤ ᠣᠷᠣᠨ᠎ᠤ ᠨᠡᠭᠦᠷᠡᠰᠦᠨ ᠠᠵᠤ ᠦᠢ᠍ᠯᠡᠳᠪᠦᠷᠢ ᠵᠢᠨ ᠦᠷᠭᠦᠯᠵᠢᠯᠡᠨ ᠲᠣᠭᠲᠠᠭᠤᠨ ᠵᠶ᠋ᠠᠷ ᠬᠥᠭᠵᠢᠬᠦ ᠵᠢ ᠠᠬᠢᠭᠤᠯᠬᠤ ᠵᠢᠨ ᠲᠥᠯᠥᠭᠡ᠂ ᠠᠵᠤ ᠠᠬᠤᠶ᠋ᠢᠯᠠᠯ ᠰᠠᠶ᠋ᠢᠨ ᠳᠤᠷ᠎ᠠ᠎ᠠᠴᠠ᠎ᠪᠠᠨ ᠪᠠᠢ᠌ᠬᠤ᠂ ᠵᠠᠬ᠎ᠠ ᠲᠡᠯᠭᠡᠭᠦᠷᠴᠢᠯᠡᠨ ᠠᠵᠢᠯᠯᠠᠭᠤᠯᠬᠤ᠂ ᠲᠥᠷᠥ ᠵᠢᠨ ᠪᠣᠳᠣᠯᠭ᠎ᠠ᠎ᠪᠠᠷ ᠬᠥᠲᠥᠯᠥᠨ ᠵᠢᠯᠣᠭᠣᠳᠬᠤ ᠵᠠᠷᠴᠢᠮ ᠵᠶ᠋ᠡᠷ ᠤᠯᠠᠷᠢᠭᠤᠯᠬᠤ ᠠᠵᠤ ᠠᠬᠤᠶ᠋ᠢᠯᠠᠯ ᠬᠢᠭᠡᠳ ᠨᠡᠭᠦᠷᠡᠰᠦ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠳᠠᠬᠢᠨ ᠵᠣᠬᠢᠶᠠᠨ ᠪᠠᠶ᠋ᠢᠭᠤᠯᠬᠤ ᠵᠢ ᠳᠦᠯᠬᠢᠨ ᠠᠬᠢᠭᠤᠯᠵᠤ᠂ ᠤᠯᠠᠷᠢᠭᠤᠯᠬᠤ ᠲᠥᠷᠥᠯ ᠵᠦᠢ᠍ᠯ ᠬᠢᠭᠡᠳ ᠨᠡᠭᠦᠷᠡᠰᠦᠨ ᠠᠭᠤᠷᠬᠠᠶ ᠵᠢᠨ ᠪᠦᠲᠦᠭᠡᠨ ᠪᠠᠶ᠋ᠢᠭᠤᠯᠤᠯᠲᠠ᠎ᠯᠤᠭ᠎ᠠ ᠵᠣᠬᠢᠴᠠᠯᠳᠣᠭᠤᠯᠬᠤ᠂ ᠵᠡᠷᠭᠡ᠎ᠳᠤ᠎ᠨᠢ ᠬᠢᠬᠦ ᠵᠢ ᠪᠡᠶᠡᠯᠡᠭᠦᠯᠵᠦ᠂ ᠦᠢ᠍ᠯᠡᠳᠪᠦᠷᠢᠯᠡᠬᠦ ᠪᠠ ᠬᠡᠷᠡᠭᠴᠡᠭᠡ ᠵᠢ ᠪᠦᠲᠦᠮᠵᠢ᠎ᠲᠠᠢ ᠨᠡᠢ᠌ᠯᠡᠭᠦᠯᠦᠨ ᠵᠣᠯᠭ᠋ᠠᠯᠳᠤᠭᠤᠯᠬᠤ ᠵᠢ ᠠᠬᠢᠭᠤᠯᠵᠤ᠂ ᠨᠡᠭᠦᠷᠡᠰᠦᠨ᠎ᠤ ᠦᠢ᠍ᠯᠡᠳᠪᠦᠷᠢᠯᠡᠬᠦ ᠴᠢᠳᠠᠪᠤᠷᠢ ᠵᠢᠨ ᠦᠯᠡᠭᠦᠳᠡᠵᠦ ᠪᠠᠢ᠌ᠭ᠎ᠠ ᠵᠢ ᠪᠦᠲᠦᠮᠵᠢ᠎ᠲᠠᠢ ᠠᠷᠢᠯᠭ᠋ᠠᠬᠤ ᠴᠢᠬᠤᠯᠠᠲᠠᠢ ᠪᠠᠢ᠌ᠭ᠎ᠠ ᠪᠦᠭᠡᠳ ᠪᠠᠰᠠ᠎ᠴᠤ ᠨᠥᠬᠥᠴᠡᠯ᠎ᠲᠠᠢ ᠪᠠᠢ᠌ᠨ᠎ᠠ᠃ 《ᠠᠵᠤ ᠠᠬᠤᠢ᠌ᠯᠠᠯ᠎ᠤᠨ ᠨᠡᠢ᠌ᠯᠡᠭᠦᠯᠵᠦ ᠳᠠᠬᠢᠨ ᠵᠣᠬᠢᠶᠠᠨ ᠪᠠᠢ᠌ᠭᠤᠯᠬᠤ ᠵᠠᠬ᠎ᠠ ᠳᠡᠯᠭᠡᠭᠦᠷ᠎ᠤᠨ ᠣᠷᠴᠢᠨ ᠠᠬᠤᠢ ᠵᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》 (ᠲᠥᠷᠥ ᠲᠠᠷᠬᠠᠭ᠋ᠠᠭᠰᠠᠨ (2014) 14 ᠳ᠋ᠦ᠍ᠭᠡᠷ ᠲᠤᠭ᠋ᠠᠲᠤ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠮᠠᠨ᠎ᠤ ᠣᠷᠣᠨ ᠲᠤᠰ 《ᠮᠡᠳᠡᠭᠳᠡᠯ》᠎ᠢ ᠨᠡᠢ᠌ᠲᠡᠯᠡᠪᠡ᠃
[ᠬᠥᠲᠥᠯᠥᠭᠴᠢ]᠄
《ᠮᠡᠳᠡᠭᠳᠡᠯ》᠎ᠨᠢ ᠣᠳᠣᠬᠠᠨ᠎ᠤ ᠨᠡᠭᠦᠷᠡᠰᠦᠨ᠎ᠤ ᠠᠵᠤ ᠠᠬᠤᠶ ᠵᠢᠨ ᠪᠠᠶ᠋ᠢᠳᠠᠯ᠎ᠤᠨ ᠳᠣᠣᠷ᠎ᠠ ᠶᠠᠮᠠᠷ ᠴᠢᠬᠤᠯᠠ ᠶᠡᠬᠡ ᠠᠴᠢ ᠬᠣᠯᠪᠣᠭᠳᠠᠯ᠎ᠲᠠᠢ ᠪᠤᠶ?
[ᠸᠠᠩ ᠵᠢᠶᠦ᠋ᠨ ᠹᠸᠩ]᠄
ᠣᠳᠣᠬᠠᠨ᠎ᠳᠤ᠂ ᠨᠡᠭᠦᠷᠡᠰᠦᠨ᠎ᠤ ᠦᠢ᠍ᠯᠡᠳᠪᠦᠷᠢᠯᠡᠬᠦ ᠴᠢᠳᠠᠪᠤᠷᠢ ᠵᠢᠨ ᠪᠠᠢ᠌ᠷᠢᠰᠢᠭᠤᠯᠤᠯ᠎ᠤᠨ ᠲᠠᠯ᠎ᠠ᠎ᠪᠠᠷ᠎ᠬᠢ ᠤᠯᠤᠰ᠎ᠤᠨ ᠶᠡᠷᠦᠩᠬᠡᠶ ᠱᠠᠭ᠋ᠠᠷᠳᠠᠯᠭ᠎ᠠ ᠪᠣᠯ ᠦᠢ᠍ᠯᠡᠳᠪᠦᠷᠢᠯᠡᠬᠦ ᠴᠢᠳᠠᠪᠤᠷᠢ ᠵᠢ ᠰᠢᠨ᠎ᠡ᠎ᠪᠠᠷ ᠨᠡᠮᠡᠭᠳᠡᠭᠦᠯᠬᠦ ᠵᠢ ᠴᠢᠩᠭ᠎ᠠ ᠡᠵᠡᠮᠳᠡᠵᠦ᠂ ᠵᠡᠭᠦᠨ ᠬᠡᠰᠡᠭ᠎ᠲᠤ ᠪᠠᠶ᠋ᠢᠭᠤᠯᠬᠤ ᠦᠭᠡᠶ᠂ ᠳᠤᠮᠳᠠ ᠬᠡᠰᠡᠭ᠎ᠲᠤ ᠨᠢᠭᠡ ᠵᠢ ᠪᠤᠴᠠᠭ᠋ᠠᠵᠤ ᠭᠠᠷᠭ᠋ᠠᠪᠠᠯ ᠨᠢᠭᠡ ᠵᠢ ᠪᠠᠢ᠌ᠭᠤᠯᠬᠤ᠂ ᠪᠠᠷᠠᠭᠤᠨ ᠬᠡᠰᠡᠭ᠎ᠲᠤ ᠲᠣᠮᠣ ᠬᠡᠯᠪᠡᠷᠢ ᠵᠢᠨ ᠨᠡᠭᠦᠷᠡᠰᠦ ᠴᠠᠬᠢᠯᠭ᠋ᠠᠨ᠎ᠤ ᠰᠠᠭᠤᠷᠢᠨ ᠭᠠᠵᠠᠷ ᠪᠣᠯᠣᠨ ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠲᠥᠷᠥᠯ ᠵᠦᠢ᠍ᠯ ᠤᠨ ᠨᠡᠭᠦᠷᠡᠰᠦ ᠬᠡᠷᠡᠭᠯᠡᠬᠦ ᠬᠡᠷᠡᠭᠴᠡᠭᠡ ᠵᠢᠨ ᠱᠠᠭ᠋ᠠᠷᠳᠠᠯᠭ᠎ᠠ ᠵᠢ ᠦᠨᠳᠦᠰᠦᠯᠡᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠲᠣᠬᠢᠷᠠᠭᠤᠯᠤᠨ᠎ᠠ᠃ ᠥᠭᠡᠷ᠎ᠡ᠎ᠪᠠᠷ ᠬᠡᠯᠡᠪᠡᠯ᠂ ᠣᠳᠣᠬᠠᠨ᠎ᠳᠤ ᠮᠠᠨ᠎ᠤ ᠣᠷᠣᠨ ᠰᠢᠨ᠎ᠡ᠎ᠪᠠᠷ ᠪᠠᠢ᠌ᠭᠤᠯᠬᠤ ᠵᠢ ᠤᠯᠤᠰ᠎ᠠᠴᠠ ᠵᠥᠪᠰᠢᠶᠡᠷᠡᠭᠰᠡᠨ ᠨᠡᠭᠦᠷᠡᠰᠦ ᠴᠠᠬᠢᠯᠭ᠋ᠠᠨ᠂ ᠨᠡᠭᠦᠷᠡᠰᠦ ᠬᠢᠮᠢ ᠵᠢᠨ ᠤᠯᠠᠷᠢᠭᠤᠯᠬᠤ ᠵᠡᠷᠭᠡ ᠲᠦᠷᠤᠯ ᠵᠤᠢ᠍ᠢ᠍ᠯᠢ ᠠᠰᠢᠭᠯᠠᠨ ᠤᠯᠠᠷᠢᠭᠤᠯᠬᠤ ᠲᠥᠷᠥᠯ ᠵᠦᠢ᠍ᠯ᠎ᠢ ᠨᠠᠢ᠌ᠳᠠᠪᠤᠷᠢᠵᠢᠭᠤᠯᠤᠭ᠋ᠠᠳᠤᠢ ᠲᠣᠭᠲᠠᠭ᠋ᠠᠯ᠎ᠠᠴᠠ ᠵᠦᠷᠢᠴᠡᠭᠰᠡᠨ ᠨᠡᠭᠦᠷᠡᠰᠦᠨ ᠠᠭᠤᠷᠬᠠᠶᠯᠤᠭᠠ ᠳᠠᠬᠢᠨ ᠵᠣᠬᠢᠶᠠᠨ ᠪᠠᠢ᠌ᠭᠤᠯᠪᠠᠯ᠂ ᠲᠣᠭᠲᠠᠭ᠋ᠠᠯ᠎ᠠᠴᠠ ᠵᠥᠷᠢᠴᠡᠭᠰᠡᠨ ᠨᠡᠭᠦᠷᠡᠰᠦᠨ ᠠᠭᠤᠷᠬᠠᠶ ᠵᠢᠨ ᠬᠢᠨᠠᠨ ᠵᠥᠪᠰᠢᠶᠡᠷᠡᠬᠦ ᠳᠡᠰ ᠳᠠᠷᠠᠭ᠋ᠠᠯᠠᠯ᠎ᠳᠤ ᠲᠦᠷᠭᠡᠭᠡᠨ ᠣᠷᠣᠬᠤ ᠵᠢ ᠠᠬᠢᠭᠤᠯᠵᠤ᠂ ᠦᠯᠡᠳᠡᠭᠡᠯ ᠪᠡᠯᠡ ᠣᠷᠣᠭᠤᠯᠤᠯᠲᠠ ᠵᠢ᠎ᠨᠢ ᠠᠮᠢᠳᠤᠯᠢᠭᠵᠢᠭᠤᠯᠵᠤ ᠴᠢᠳᠠᠬᠤ᠎ᠪᠠᠷ ᠪᠠᠷᠠᠬᠤ ᠦᠭᠡᠢ᠂ ᠪᠠᠰᠠ ᠰᠢᠨ᠎ᠡ᠎ᠪᠠᠷ ᠪᠠᠢ᠌ᠭᠤᠯᠤᠭᠰᠠᠨ ᠤᠯᠠᠷᠢᠭᠤᠯᠬᠤ ᠲᠥᠷᠥᠯ ᠵᠦᠢ᠍ᠯ᠎ᠤᠨ ᠲᠦᠭᠦᠬᠡᠶ ᠡᠳ᠋᠎ᠤᠨ ᠬᠠᠩᠭ᠋ᠠᠯᠭ᠎ᠠ ᠵᠢ ᠪᠠᠲᠤᠯᠠᠵᠤ᠂ ᠨᠡᠭᠦᠷᠡᠰᠦᠨ᠎ᠤ ᠡᠬᠢ ᠪᠠᠶᠠᠯᠢᠭ ᠬᠢᠭᠡᠳ ᠦᠢ᠍ᠯᠡᠳᠪᠦᠷᠢᠯᠡᠬᠦ ᠴᠢᠳᠠᠪᠤᠷᠢ ᠵᠢᠨ ᠰᠢᠨ᠎ᠡ᠎ᠪᠠᠷ ᠣᠷᠣᠭᠤᠯᠬᠤ ᠬᠡᠮᠵᠢᠶ᠎ᠡ ᠵᠢ ᠪᠠᠭ᠋ᠠᠰᠬᠠᠨ᠂ ᠨᠠᠭᠦᠷᠡᠰᠦᠨᠤ ᠦᠢ᠍ᠯᠡᠳᠪᠦᠷᠢᠯᠡᠬᠦ ᠴᠢᠳᠠᠪᠤᠷᠢ ᠵᠢᠨ ᠦᠯᠡᠭᠦᠳᠡᠯᠢ ᠡᠬᠢ ᠡᠭᠦᠰᠦᠯ᠎ᠠᠴᠠ᠎ᠨᠢ ᠠᠷᠢᠯᠭ᠋ᠠᠵᠤ᠂ ᠨᠢᠭᠡ ᠯᠡ ᠳᠡᠭᠡᠷ᠎ᠡ ᠣᠯᠠᠨ᠎ᠢ ᠪᠦᠲᠦᠭᠡᠵᠦ ᠴᠢᠳᠠᠨ᠎ᠠ᠃ ᠪᠣᠳᠠᠲᠠᠶ᠎ᠪᠠᠷ ᠬᠡᠯᠡᠪᠡᠯ ᠳᠣᠣᠷᠠᠬᠢ ᠬᠡᠳᠦᠨ ᠲᠠᠯ᠎ᠠ ᠪᠤᠢ᠄
ᠨᠢᠭᠡ᠎ᠳᠤ ᠲᠣᠭᠲᠠᠭ᠋ᠠᠯ᠎ᠠᠴᠠ ᠵᠥᠷᠢᠴᠡᠭᠰᠡᠨ ᠨᠡᠭᠦᠷᠡᠰᠦᠨ ᠠᠭᠤᠷᠬᠠᠶ ᠵᠢᠨ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠢ ᠪᠠᠢ᠌ᠨ᠎ᠠ᠃ ᠣᠳᠣᠬᠠᠨ᠎ᠳᠤ ᠮᠠᠨ᠎ᠤ ᠣᠷᠣᠨ᠎ᠤ ᠵᠥᠪᠰᠢᠶᠡᠷᠡᠭᠦᠯᠦᠭᠡᠳᠦᠢ᠎ᠪᠠᠷ ᠤᠷᠢᠳᠠᠪᠠᠷ ᠪᠠᠶ᠋ᠢᠭᠤᠯᠤᠭᠰᠠᠨ ᠨᠢᠭᠡ ᠪᠦᠯᠦᠭ ᠨᠡᠭᠦᠷᠡᠰᠦᠨ ᠠᠭᠤᠷᠬᠠᠶ᠎ᠨᠢ ᠤᠯᠠᠷᠢᠭᠤᠯᠬᠤ ᠲᠦᠷᠤᠯ ᠵᠤᠢ᠍ᠢ᠍ᠯᠢ ᠨᠠᠢ᠌ᠳᠠᠪᠤᠷᠢᠵᠢᠭᠤᠯᠤᠭ᠋ᠠᠳᠤᠢᠠᠴᠠ ᠪᠣᠯᠵᠤ ᠲᠥᠷᠥᠯ ᠵᠦᠢ᠍ᠯ᠎ᠤᠨ ᠬᠢᠨᠠᠨ ᠵᠥᠪᠰᠢᠶᠡᠷᠡᠭᠦᠯᠬᠦ ᠪᠠ ᠬᠠᠶ᠋ᠢᠬᠤ ᠤᠯᠠᠷᠢᠭᠤᠯᠬᠤ ᠮᠠᠯᠲᠠᠬᠤ ᠭᠠᠷᠳᠠᠮ᠎ᠢ ᠶᠡᠷᠦ ᠭᠦᠢ᠍ᠴᠡᠳᠬᠡᠬᠦ ᠠᠷᠭ᠎ᠠ ᠦᠭᠡᠢ ᠪᠠᠢ᠌ᠨ᠎ᠠ᠃ ᠪᠦᠷᠢᠨ ᠪᠤᠰᠤ ᠪᠦᠷᠢᠳᠬᠡᠯ᠎ᠢ ᠦᠨᠳᠦᠰᠦᠯᠡᠪᠡᠯ᠂ ᠡᠳᠡᠭᠡᠷ ᠨᠡᠭᠦᠷᠡᠰᠦᠨ ᠠᠭᠤᠷᠬᠠᠶ ᠵᠢᠨ ᠶᠡᠷᠦᠩᠭᠡᠢ ᠦᠢ᠍ᠯᠡᠳᠪᠦᠷᠢᠯᠡᠬᠦ ᠴᠢᠳᠠᠪᠤᠷᠢ᠎ᠨᠢ 2 ᠳ᠋ᠦᠩᠰᠢᠭᠤᠷ ᠲᠣᠨ ᠰᠢᠬᠠᠮ ᠪᠠᠢ᠌ᠵᠤ᠂ ᠶᠡᠷᠦᠩᠬᠡᠶ ᠪᠡᠯᠡ ᠣᠷᠣᠭᠤᠯᠤᠯᠲᠠ ᠵᠢ 900 ᠳ᠋ᠦᠩᠰᠢᠭᠤᠷ ᠲᠥᠭᠥᠷᠢᠭ ᠵᠶ᠋ᠠᠷ ᠲᠥᠯᠥᠪᠯᠡᠵᠦ᠂ 600 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ ᠵᠢ ᠪᠶᠡᠯᠡᠭᠦᠯᠦᠭᠡᠳ ᠪᠠᠢ᠌ᠨ᠎ᠠ᠃ ᠨᠢᠳᠤᠨᠤᠨ᠎ᠤ 9 ᠳ᠋ᠦ᠍ᠭᠡᠷ ᠰᠠᠷ᠎ᠠ᠎ᠳᠤ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ 《ᠬᠠᠤᠯᠢ ᠪᠤᠰᠤ᠎ᠳᠤ ᠴᠣᠬᠢᠯᠲᠠ ᠥᠭᠴᠦ ᠬᠠᠤᠯᠢ᠎ᠠᠴᠠ ᠵᠦᠷᠢᠴᠡᠭᠰᠡᠨ᠎ᠢ ᠵᠠᠰᠠᠬᠤ》 ᠲᠤᠰᠬᠠᠶ ᠵᠦᠢ᠍ᠯ ᠵᠶ᠋ᠡᠷ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠦᠭᠰᠡᠨ᠎ᠠᠴᠠ ᠨᠠᠰᠢ᠂ ᠡᠳᠡᠭᠡᠷ ᠨᠡᠭᠦᠷᠡᠰᠦᠨ ᠠᠭᠤᠷᠬᠠᠶᠨᠤᠭᠤᠳ ᠬᠠᠭ᠋ᠠᠰ ᠵᠢᠯ ᠢᠯᠡᠭᠦᠦ ᠦᠢ᠍ᠯᠡᠳᠪᠦᠷᠢᠯᠡᠯ ᠵᠶ᠋ᠡᠨ ᠵᠣᠭᠰᠤᠭ᠋ᠠᠵᠤ ᠪᠠᠢ᠌ᠭᠤᠯᠬᠤ᠎ᠪᠠᠨ ᠵᠣᠭᠰᠤᠭ᠋ᠠᠪᠠ᠃ ᠠᠰᠢᠭᠯᠠᠯᠲᠠ᠎ᠳᠤ ᠣᠷᠣᠭᠰᠠᠨ ᠪᠠ ᠤᠳᠠᠯ ᠦᠭᠡᠶ ᠦᠢ᠍ᠯᠡᠳᠪᠦᠷᠢᠯᠡᠯ᠎ᠳᠤ ᠣᠷᠣᠮᠠᠷ ᠪᠠᠢ᠌ᠭ᠎ᠠ ᠨᠡᠭᠦᠷᠡᠰᠦᠨ ᠠᠭᠤᠷᠬᠠᠶᠨᠤᠭᠤᠳᠢ ᠨᠢᠭᠡ ᠯᠡ ᠬᠥᠭ ᠵᠶ᠋ᠠᠷ ᠬᠠᠰᠢᠵᠤ ᠬᠣᠷᠢᠭᠯᠠᠪᠠᠯ᠂ ᠠᠵᠤ ᠠᠬᠤᠶ᠋ᠢᠯᠠᠯ ᠯᠤᠲᠤ ᠶᠡᠬᠡ ᠪᠡᠯᠡ ᠮᠥᠩᠭᠥ ᠵᠢᠨ ᠳᠠᠷᠤᠭ᠋ᠠᠰᠤ ᠡᠭᠦᠷᠭᠡᠯᠡᠵᠦ᠂ ᠣᠷᠣᠨ ᠨᠤᠲᠤᠭ᠎ᠤᠨ ᠠᠵᠢᠯ ᠣᠯᠭᠣᠯᠲᠠ ᠵᠢ ᠲᠣᠭᠲᠠᠭᠤᠨ ᠪᠠᠶ᠋ᠢᠯᠭ᠋ᠠᠬᠤ ᠳᠠᠷᠤᠯᠲᠠ ᠴᠤ᠌ ᠲᠠᠰᠤᠷᠠᠯᠲᠠ ᠦᠭᠡᠶ ᠨᠡᠮᠡᠭᠳᠡᠨ᠂ ᠴᠢᠨᠠᠭᠰᠢᠯᠠᠪᠠᠯ ᠨᠡᠶ᠋ᠢᠭᠡᠮ᠎ᠤᠨ ᠲᠣᠭᠲᠠᠭᠤᠨ ᠤ ᠠᠰᠠᠭᠤᠳᠠᠯ ᠭᠠᠷᠴᠣ ᠮᠡᠳᠡᠬᠦ ᠲᠤᠯᠠ᠂ ᠨᠡᠭᠦᠷᠡᠰᠦᠨ᠎ᠤ ᠠᠵᠤ ᠠᠬᠤᠶ᠋ᠢᠯᠠᠯ᠎ᠤᠳ ᠵᠠᠰᠠᠭ᠎ᠤᠨ ᠣᠷᠳᠣᠨ ᠵᠶ᠋ᠠᠷ ᠡᠨᠡ ᠬᠦ᠌ ᠬᠦᠴᠢᠷ ᠰᠡᠳᠦᠪ᠎ᠢ ᠰᠢᠢ᠍ᠳᠪᠦᠷᠢᠯᠡᠭᠦᠯᠬᠦ ᠵᠢ ᠴᠢᠩᠭ᠎ᠠ ᠱᠠᠭ᠋ᠠᠷᠳᠠᠵᠤ ᠪᠣᠢ᠃ ᠬᠡᠷᠪᠡ ᠡᠳᠡᠭᠡᠷ ᠲᠥᠷᠥᠯ ᠵᠦᠢ᠍ᠯ᠎ᠤᠳ᠎ᠢ ᠮᠠᠨ᠎ᠤ ᠣᠷᠣᠨ᠎ᠤ ᠰᠢᠨ᠎ᠡ᠎ᠪᠠᠷ ᠪᠠᠢ᠌ᠭᠤᠯᠤᠭᠰᠠᠨ ᠲᠣᠮᠣ ᠬᠡᠯᠪᠡᠷᠢ ᠵᠢᠨ ᠨᠡᠭᠦᠷᠡᠰᠦ ᠴᠠᠬᠢᠯᠭ᠋ᠠᠨ᠎ᠤ ᠰᠠᠭᠤᠷᠢᠨ ᠭᠠᠵᠠᠷ ᠪᠣᠯᠣᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠯᠦᠭᠡ ᠳᠠᠬᠢᠨ ᠵᠣᠬᠢᠶᠠᠨ ᠪᠠᠢ᠌ᠭᠤᠯᠵᠤ ᠴᠢᠳᠠᠪᠠᠯ᠂ ᠡᠨᠡ ᠬᠦ᠌ ᠬᠦᠴᠢᠷ ᠰᠡᠳᠦᠪ ᠰᠢᠢ᠍ᠳᠪᠦᠷᠢᠯᠡᠭᠳᠡᠬᠦ ᠪᠣᠯᠣᠨ᠎ᠠ᠃
ᠬᠣᠶᠠᠷ᠎ᠲᠤ ᠠᠵᠤ ᠠᠬᠤᠶ᠋ᠢᠯᠠᠯ᠎ᠳᠤ ᠵᠣᠭᠰᠤᠩᠭᠤᠢ᠌ᠷᠠᠵᠤ ᠪᠠᠢ᠌ᠭ᠎ᠠ ᠠᠭᠤᠷᠬᠠᠶ ᠬᠠᠶ᠋ᠢᠬᠤ ᠡᠷᠬᠡ ᠵᠢᠨ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠶ ᠪᠠᠢ᠌ᠨ᠎ᠠ᠃ ᠣᠳᠣᠬᠠᠨ᠎ᠳᠤ᠂ ᠮᠠᠨ᠎ᠤ ᠣᠷᠣᠨ ᠨᠡᠭᠦᠷᠡᠰᠦᠨ᠎ᠤ ᠠᠭᠤᠷᠬᠠᠶ ᠵᠢᠨ ᠡᠷᠬᠡ᠎ᠲᠠᠢ ᠪᠣᠯᠣᠭᠰᠠᠨ ᠪᠣᠶᠣ ᠨᠢᠭᠡ ᠪᠦᠯᠦᠭ ᠲᠥᠪ᠎ᠤᠨ ᠠᠵᠤ ᠠᠬᠤᠶ᠋ᠢᠯᠠᠯ᠂ ᠮᠤᠵᠢ ᠵᠢᠨ ᠭᠠᠳᠠᠨᠠᠬᠢ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ ᠰᠲ᠋ᠣᠺ᠎ᠤᠨ ᠡᠷᠬᠡ ᠬᠤᠳᠠᠯᠳᠤᠨ ᠠᠪᠬᠤ᠎ᠪᠠᠷ ᠳᠠᠮᠵᠢᠭᠤᠯᠤᠨ ᠪᠣᠳᠠᠲᠠᠶ ᠪᠠᠶ᠋ᠢᠭ᠎ᠠ ᠨᠡᠭᠦᠷᠡᠰᠦᠨ᠎ᠤ ᠠᠭᠤᠷᠬᠠᠶ ᠵᠢᠨ ᠡᠷᠬᠡ ᠵᠢᠨ ᠡᠬᠢ ᠪᠠᠶᠠᠯᠢᠭ᠎ᠤᠨ ᠬᠡᠮᠵᠢᠶ᠎ᠡ᠎ᠪᠠᠷ ᠨᠡᠯᠢᠶᠡᠳ ᠶᠡᠬᠡ ᠪᠠᠢ᠌ᠨ᠎ᠠ᠃ ᠳᠠᠬᠢᠨ ᠵᠣᠬᠢᠶᠠᠨ ᠪᠠᠶ᠋ᠢᠭᠤᠯᠬᠤ᠎ᠪᠠᠷ ᠳᠠᠮᠵᠢᠭᠤᠯᠤᠭ᠋ᠠᠳ᠂ ᠤᠯᠠᠷᠢᠭᠤᠯᠬᠤ ᠲᠥᠷᠥᠯ ᠵᠦᠢ᠍ᠯ ᠵᠶ᠋ᠡᠷ ᠠᠵᠤ ᠠᠬᠤᠶ᠋ᠢᠯᠠᠯ᠎ᠳᠤ ᠵᠣᠭᠰᠤᠩᠭᠤᠢ᠌ᠷᠠᠵᠤ ᠪᠠᠢ᠌ᠭ᠎ᠠ ᠨᠡᠭᠦᠷᠡᠰᠦᠨ᠎ᠤ ᠠᠭᠤᠷᠬᠠᠢ ᠵᠢᠨ ᠡᠷᠬᠡ ᠵᠢ ᠠᠮᠢᠳᠤᠯᠢᠭᠵᠢᠭᠤᠯᠪᠠᠯ᠂ ᠵᠠᠰᠠᠭ᠎ᠤᠨ ᠣᠷᠳᠣᠨ ᠨᠡᠭᠦᠷᠡᠰᠦᠨ᠎ᠤ ᠡᠬᠢ ᠪᠠᠶᠠᠯᠢᠭ᠎ᠢ ᠳᠠᠬᠢᠨ ᠰᠢᠨ᠎ᠡ᠎ᠪᠠᠷ ᠲᠣᠬᠢᠷᠠᠭᠤᠯᠬᠤ ᠴᠢᠬᠤᠯᠠ ᠦᠭᠡᠶ ᠪᠣᠯᠵᠤ᠂ ᠵᠠᠬ᠎ᠠ ᠳᠡᠯᠭᠡᠭᠦᠷ᠎ᠲᠤ ᠰᠢᠨ᠎ᠡ᠎ᠪᠠᠷ ᠣᠷᠣᠭᠤᠯᠬᠤ ᠨᠡᠭᠦᠷᠡᠰᠦᠨ᠎ᠤ ᠡᠬᠢ ᠪᠠᠶᠠᠯᠢᠭ᠎ᠢ ᠵᠣᠬᠢᠬᠤ ᠬᠡᠮᠵᠢᠶ᠎ᠡ᠎ᠪᠠᠷ ᠪᠠᠭ᠋ᠠᠰᠬᠠᠬᠤ ᠪᠣᠯᠣᠨ᠎ᠠ᠃ ᠠᠩᠬ᠎ᠠ ᠠᠯᠬᠤᠮ᠎ᠤᠨ ᠣᠶ᠋ᠢᠯᠠᠭ᠋ᠠᠭᠰᠠᠨ ᠵᠶ᠋ᠠᠷ᠂ ᠬᠡᠰᠡᠭ ᠠᠵᠤ ᠠᠬᠤᠶ᠋ᠢᠯᠠᠯ ᠴᠤ᠌ ᠡᠨᠡ ᠲᠠᠯ᠎ᠠ ᠵᠢᠨ ᠬᠦᠰᠡᠯ ᠰᠠᠨᠠᠭ᠎ᠠ᠎ᠲᠠᠢ ᠪᠠᠢ᠌ᠨ᠎ᠠ᠃
ᠭᠤᠷᠪᠠ᠎ᠳᠤ ᠨᠡᠭᠦᠷᠡᠰᠦ ᠵᠢ ᠤᠯᠠᠷᠢᠭᠤᠯᠬᠤ ᠲᠥᠷᠥᠯ ᠵᠦᠢ᠍ᠯ ᠬᠢᠭᠡᠳ ᠨᠡᠭᠦᠷᠡᠰᠦᠨ ᠠᠭᠤᠷᠬᠠᠶ ᠵᠢᠨ ᠪᠦᠲᠦᠭᠡᠨ ᠪᠠᠶ᠋ᠢᠭᠤᠯᠤᠯᠲᠠ ᠵᠢᠨ ᠵᠣᠬᠢᠴᠠᠬᠤ ᠦᠭᠡᠢ᠂ ᠵᠡᠷᠭᠡ᠎ᠳᠤ᠎ᠨᠢ ᠬᠢᠬᠦ ᠦᠭᠡᠢ ᠪᠠᠢ᠌ᠬᠤ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠢ ᠪᠠᠢ᠌ᠨ᠎ᠠ᠃ ᠮᠠᠨ᠎ᠤ ᠠᠩᠬ᠎ᠠ ᠠᠯᠬᠤᠮ᠎ᠤᠨ ᠲᠥᠰᠥᠭᠡᠯᠡᠭᠰᠡᠨ ᠪᠣᠳᠣᠭᠰᠠᠨ ᠵᠶ᠋ᠠᠷ᠂ ᠮᠠᠨ᠎ᠤ ᠣᠷᠣᠨ ᠰᠢᠨ᠎ᠡ᠎ᠪᠠᠷ ᠪᠠᠢ᠌ᠭᠤᠯᠬᠤ ᠨᠡᠭᠦᠷᠡᠰᠦ ᠴᠠᠬᠢᠯᠭ᠋ᠠᠨ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠤᠨ ᠬᠡᠷᠡᠭᠰᠡᠬᠦ ᠰᠢᠨ᠎ᠡ᠎ᠪᠠᠷ ᠲᠣᠬᠢᠷᠠᠭᠤᠯᠬᠤ ᠨᠡᠭᠦᠷᠡᠰᠦᠨ᠎ᠤ ᠡᠬᠢ ᠪᠠᠶᠠᠯᠢᠭ 400 ᠳ᠋ᠦᠩᠰᠢᠭᠤᠷ ᠲᠣᠨ ᠪᠠᠢ᠌ᠵᠤ᠂ ᠦᠢ᠍ᠯᠡᠳᠪᠦᠷᠢᠯᠡᠬᠦ ᠴᠢᠳᠠᠪᠤᠷᠢ ᠵᠢ ᠰᠢᠨ᠎ᠡ᠎ᠪᠠᠷ 4 ᠳ᠋ᠦᠩᠰᠢᠭᠤᠷ ᠲᠤᠨ ᠨᠡᠮᠡᠭᠳᠡᠭᠦᠯᠬᠦ ᠪᠣᠯᠣᠨ᠎ᠠ᠃ ᠣᠳᠣᠬᠠᠨ᠎ᠤ ᠤᠯᠤᠰ᠎ᠠᠴᠠ ᠨᠡᠭᠦᠷᠡᠰᠦᠨ᠎ᠤ ᠦᠢ᠍ᠯᠡᠳᠪᠦᠷᠢᠯᠡᠬᠦ ᠴᠢᠳᠠᠪᠤᠷᠢ ᠵᠢ ᠰᠢᠨ᠎ᠡ᠎ᠪᠠᠷ ᠨᠡᠮᠡᠭᠳᠡᠭᠦᠯᠬᠦ ᠵᠢ ᠴᠢᠩᠭ᠎ᠠ ᠬᠢᠵᠠᠭ᠋ᠠᠷᠯᠠᠵᠤ ᠪᠠᠢ᠌ᠭ᠎ᠠ ᠪᠠᠶ᠋ᠢᠳᠠᠯ᠎ᠤᠨ ᠳᠣᠣᠷ᠎ᠠ᠂ ᠡᠢ᠌ᠮᠦᠷᠬᠦ ᠶᠡᠬᠡ ᠬᠡᠪᠴᠢᠶ᠎ᠡ ᠪᠦᠬᠦᠢ ᠰᠢᠨ᠎ᠡ᠎ᠪᠠᠷ ᠪᠠᠢ᠌ᠭᠤᠯᠬᠤ ᠨᠡᠭᠦᠷᠡᠰᠦᠨ ᠠᠭᠤᠷᠬᠠᠶ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠭᠦᠯᠬᠦ᠎ᠳᠤ ᠮᠠᠰᠢ ᠶᠡᠬᠡ ᠬᠦᠴᠢᠷ᠎ᠲᠠᠢ ᠪᠠᠢ᠌ᠵᠤ᠂ ᠬᠢᠨᠠᠨ ᠵᠥᠪᠰᠢᠶᠡᠷᠡᠯ᠎ᠡ ᠴᠤ᠌ ᠭᠡᠰᠡᠨ ᠪᠠᠰᠠ ᠨᠡᠯᠢᠶᠡᠳ ᠤᠷᠲᠤ ᠴᠠᠭ ᠬᠡᠷᠡᠭᠰᠡᠬᠦ ᠵᠢᠨ ᠳᠡᠭᠡᠷ᠎ᠡ ᠪᠠᠰᠠ ᠰᠢᠨ᠎ᠡ᠎ᠪᠠᠷ ᠪᠠᠶ᠋ᠢᠭᠤᠯᠬᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠬᠤ ᠦᠶᠡᠯᠡᠬᠦ ᠬᠤᠭᠤᠴᠠᠭ᠎ᠠ᠎ᠨᠢ ᠣᠷᠳᠣ ᠪᠣᠯᠬᠤᠷ᠂ ᠤᠯᠠᠷᠢᠭᠤᠯᠬᠤ ᠲᠥᠷᠥᠯ ᠵᠦᠢ᠍ᠯ᠎ᠯᠦᠭᠡ ᠵᠡᠷᠭᠡ᠎ᠳᠤ᠎ᠨᠢ ᠪᠦᠲᠦᠭᠡᠨ ᠪᠠᠢ᠌ᠭᠤᠯᠬᠤ᠂ ᠵᠡᠷᠭᠡ᠎ᠳᠤ᠎ᠨᠢ ᠠᠰᠢᠭᠯᠠᠯᠲᠠ᠎ᠳᠤ ᠣᠷᠣᠭᠤᠯᠬᠤ᠎ᠳᠤ ᠲᠤᠩ ᠬᠦᠴᠢᠷ᠎ᠲᠠᠢ ᠪᠠᠢ᠌ᠵᠤ᠂ ᠪᠠᠰᠠ ᠨᠡᠭᠦᠷᠡᠰᠦ — ᠴᠠᠬᠢᠯᠭ᠋ᠠᠨ᠂ ᠨᠡᠭᠦᠷᠡᠰᠦ — ᠬᠢᠮᠢ ᠵᠢ ᠨᠢᠭᠡ ᠴᠣᠭᠴᠠᠵᠢᠭᠤᠯᠬᠤ ᠳᠠᠪᠠᠭᠤᠯᠢᠭ ᠢ ᠪᠠᠳᠠᠷᠠᠭᠤᠯᠬᠤ ᠵᠢᠨ ᠠᠷᠭ᠎ᠠ ᠦᠭᠡᠢ ᠶᠤᠮ᠃ ᠲᠥᠷᠥ ᠵᠢᠨ ᠪᠣᠳᠣᠯᠭ᠎ᠠ᠎ᠪᠠᠷ ᠬᠥᠲᠥᠯᠥᠨ ᠵᠢᠯᠣᠭᠣᠳᠬᠤ᠎ᠪᠠᠷ ᠳᠠᠮᠵᠢᠭᠤᠯᠤᠨ᠂ ᠤᠯᠠᠷᠢᠭᠤᠯᠬᠤ ᠲᠥᠷᠥᠯ ᠵᠦᠢ᠍ᠯ ᠬᠢᠭᠡᠳ ᠨᠢᠭᠡᠨᠲᠡ ᠪᠠᠢ᠌ᠭ᠎ᠠ ᠠᠭᠤᠷᠬᠠᠶ ᠵᠢᠨ ᠡᠷᠬᠡ᠎ᠲᠠᠢ ᠪᠣᠯᠪᠠᠴᠤ ᠤᠯᠠᠷᠢᠭᠤᠯᠬᠤ ᠲᠥᠷᠥᠯ ᠵᠦᠢ᠍ᠯ ᠦᠭᠡᠢ ᠪᠠᠢ᠌ᠭ᠎ᠠ ᠨᠡᠭᠦᠷᠡᠰᠦᠨ᠎ᠤ ᠠᠵᠤ ᠠᠬᠤᠶ᠋ᠢᠯᠠᠯ (ᠪᠠᠢ᠌ᠭᠤᠯᠤᠭ᠋ᠠᠳᠤᠢ᠂ ᠪᠠᠶ᠋ᠢᠭᠤᠯᠵᠤ ᠪᠠᠶ᠋ᠢᠭ᠎ᠠ᠂ ᠨᠢᠭᠡᠨᠲᠡ ᠠᠰᠢᠭᠯᠠᠯᠲᠠ᠎ᠳᠤ ᠤᠷᠤᠭᠰᠠᠨ ᠪᠠᠭᠲᠠᠨ᠎ᠠ)᠎ᠯᠤᠭ᠎ᠠ ᠳᠠᠬᠢᠨ ᠵᠣᠬᠢᠶᠠᠨ ᠪᠠᠢ᠌ᠭᠤᠯᠬᠤ ᠵᠢ ᠠᠬᠢᠭᠤᠯᠪᠠᠯ᠂ ᠦᠢ᠍ᠯᠡᠳᠪᠦᠷᠢᠯᠡᠬᠦ ᠴᠢᠳᠠᠪᠤᠷᠢ ᠵᠢᠨ ᠦᠯᠡᠭᠦᠳᠡᠵᠦ ᠪᠠᠢ᠌ᠭ᠎ᠠ ᠵᠢ ᠪᠦᠲᠦᠮᠵᠢᠲᠡᠶ᠎ᠪᠠᠷ᠂ ᠲᠣᠭᠲᠠᠭᠤᠨ ᠵᠶ᠋ᠡᠷ ᠠᠷᠢᠯᠭ᠋ᠠᠵᠤ ᠴᠢᠳᠠᠬᠤ ᠮᠥᠷᠲᠡᠭᠡᠨ ᠪᠠᠰᠠ ᠤᠯᠠᠷᠢᠭᠤᠯᠬᠤ ᠲᠥᠷᠥᠯ ᠵᠦᠢ᠍ᠯ᠎ᠤᠨ ᠨᠡᠭᠦᠷᠡᠰᠦᠨ᠎ᠤ ᠡᠬᠢ ᠪᠠᠶᠠᠯᠢᠭ᠎ᠤᠨ ᠠᠰᠠᠭᠤᠳᠠᠯ᠎ᠢ ᠰᠢᠢ᠍ᠳᠪᠦᠷᠢᠯᠡᠵᠦ ᠴᠢᠳᠠᠨ᠎ᠠ᠃
ᠳᠥᠷᠪᠡ᠎ᠳᠤ ᠣᠳᠣ ᠪᠠᠶ᠋ᠢᠭ᠎ᠠ ᠨᠡᠭᠦᠷᠡᠰᠦᠨ᠎ᠤ ᠦᠢ᠍ᠯᠡᠳᠪᠦᠷᠢᠯᠡᠬᠦ ᠴᠢᠳᠠᠪᠤᠷᠢ ᠦᠯᠡᠭᠦᠳᠡᠵᠦ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠢ ᠪᠠᠢ᠌ᠨ᠎ᠠ᠃ ᠲᠥᠷᠥ ᠵᠢᠨ ᠪᠣᠳᠣᠯᠭ᠎ᠠ᠎ᠪᠠᠷ ᠬᠥᠲᠥᠯᠥᠨ ᠵᠢᠯᠣᠭᠣᠳᠬᠤ᠎ᠪᠠᠷ ᠳᠠᠮᠵᠢᠭᠤᠯᠤᠨ᠂ ᠨᠡᠭᠦᠷᠡᠰᠦ ᠬᠡᠷᠡᠭᠯᠡᠵᠦ ᠪᠠᠢ᠌ᠭ᠎ᠠ ᠠᠵᠤ ᠠᠬᠤᠶ᠋ᠢᠯᠠᠯ᠎ᠳᠤ ᠲᠣᠬᠢᠷᠠᠭᠤᠯᠤᠭᠰᠠᠨ ᠨᠡᠭᠦᠷᠡᠰᠦᠨ᠎ᠤ ᠡᠬᠢ ᠪᠠᠶᠠᠯᠢᠭ ᠬᠢᠭᠡᠳ ᠬᠠᠤᠯᠢ ᠶᠣᠰᠣᠨ᠎ᠤ ᠨᠡᠭᠦᠷᠡᠰᠦᠨ ᠠᠭᠤᠷᠬᠠᠶᠯᠤᠭᠠ ᠵᠢᠨ ᠡᠬᠢ ᠪᠠᠶᠠᠯᠢᠭ ᠵᠶ᠋ᠡᠨ ᠰᠣᠯᠢᠬᠤ ᠪᠤᠶᠤ ᠡᠬᠢ ᠪᠠᠶᠠᠯᠢᠭ ᠵᠶ᠋ᠡᠨ ᠨᠡᠢ᠌ᠯᠡᠭᠦᠯᠬᠦ ᠵᠢ ᠳᠡᠮᠵᠢᠪᠡᠯ᠂ ᠰᠢᠨ᠎ᠡ᠎ᠪᠠᠷ ᠲᠣᠬᠢᠷᠠᠭᠤᠯᠤᠭᠰᠠᠨ ᠨᠡᠭᠦᠷᠡᠰᠦᠨ ᠠᠭᠤᠷᠬᠠᠶ ᠵᠢᠨ ᠨᠡᠭᠡᠭᠡᠬᠦ ᠠᠬᠢᠴᠠ ᠪᠣᠯᠣᠨ ᠦᠢ᠍ᠯᠡᠳᠪᠦᠷᠢᠯᠡᠬᠦ ᠴᠢᠳᠠᠪᠤᠷᠢ᠎ᠪᠠᠨ ᠲᠠᠯᠪᠢᠵᠤ ᠭᠠᠷᠭ᠋ᠠᠬᠤ ᠵᠢ᠎ᠨᠢ ᠤᠳᠠᠭ᠋ᠠᠰᠢᠷᠠᠭᠤᠯᠵᠤ᠂ ᠣᠳᠣ ᠪᠠᠶ᠋ᠢᠭ᠎ᠠ ᠦᠢ᠍ᠯᠡᠳᠪᠦᠷᠢᠯᠡᠬᠦ ᠴᠢᠳᠠᠪᠤᠷᠢ ᠵᠢᠨ ᠦᠯᠡᠭᠦᠳᠡᠯᠢ ᠠᠷᠢᠯᠭ᠋ᠠᠵᠤ ᠪᠣᠯᠣᠨ᠎ᠠ ᠃
[ᠬᠥᠲᠥᠯᠥᠭᠴᠢ]᠄
《ᠮᠡᠳᠡᠭᠳᠡᠯ》᠎ᠳᠤ ᠶᠠᠮᠠᠷ ᠶᠠᠮᠠᠷ ᠭᠣᠣᠯ ᠠᠭᠤᠯᠭ᠎ᠠ᠎ᠲᠠᠢ ᠪᠤᠶ?
[ᠸᠠᠩ ᠵᠢᠶᠦ᠋ᠨ ᠹᠸᠩ]᠄
ᠭᠣᠣᠯᠳᠠᠭᠤ ᠬᠣᠶᠠᠷ ᠲᠠᠯ᠎ᠠ ᠵᠢᠨ ᠠᠭᠤᠯᠭ᠎ᠠ᠎ᠲᠠᠢ᠃
(ᠨᠢᠭᠡ) 《ᠮᠡᠳᠡᠭᠳᠡᠯ》᠎ᠳᠤ ᠲᠣᠭᠲᠠᠭ᠋ᠠᠭᠰᠠᠨ ᠦᠨᠳᠦᠰᠦᠨ ᠵᠠᠷᠴᠢᠮ᠃ ᠨᠢᠭᠡ᠎ᠳᠤ ᠠᠵᠤ ᠠᠬᠤᠶ᠋ᠢᠯᠠᠯ᠎ᠤᠨ ᠪᠡᠶᠡᠴᠢ ᠴᠣᠭᠴᠠ ᠵᠢᠨ ᠪᠠᠶ᠋ᠢᠷᠢ ᠰᠠᠭᠤᠷᠢ ᠵᠢ ᠬᠦᠨᠳᠦᠳᠭᠡᠨ᠂ ᠠᠵᠤ ᠠᠬᠤᠶ᠋ᠢᠯᠠᠯ᠎ᠤᠨ ᠰᠠᠶ᠋ᠢᠨ ᠳᠤᠷ᠎ᠠ᠎ᠠᠴᠠ᠎ᠪᠠᠨ ᠪᠠᠢ᠌ᠵᠤ᠂ ᠵᠠᠬ᠎ᠠ ᠲᠡᠯᠭᠡᠭᠦᠷᠴᠢᠯᠡᠨ ᠠᠵᠢᠯᠯᠠᠭᠤᠯᠵᠤ᠂ ᠵᠠᠬ᠎ᠠ ᠳᠡᠯᠭᠡᠭᠦᠷ᠎ᠤᠨ ᠰᠢᠢ᠍ᠳᠪᠦᠷᠢᠯᠡᠭᠴᠢ ᠴᠢᠨᠠᠷᠲᠠᠶ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠬᠣᠶᠠᠷ᠎ᠲᠤ 《ᠮᠡᠳᠡᠭᠳᠡᠯ》 ᠪᠣᠯ 126 ᠳ᠋ᠤᠭ᠋ᠠᠷ ᠲᠤᠭ᠋ᠠᠲᠤ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠋ᠠᠨ᠎ᠤ ᠦᠷᠭᠦᠯᠵᠢᠯᠡᠯ ᠪᠠᠢ᠌ᠵᠤ᠂ ᠨᠡᠭᠦᠷᠡᠰᠦᠨ᠎ᠤ ᠠᠵᠤ ᠠᠬᠤᠶ᠋ᠢᠯᠠᠯ᠎ᠢ ᠳᠠᠬᠢᠨ ᠵᠣᠬᠢᠶᠠᠨ ᠪᠠᠶ᠋ᠢᠭᠤᠯᠬᠤ ᠵᠢ ᠳᠥᠯᠭᠢᠨ ᠠᠬᠢᠭᠤᠯᠬᠤ ᠪᠤᠯ ᠪᠤᠳᠠᠲᠠᠢ᠌ᠵᠢᠭᠤᠯᠤᠭᠰᠠᠨ ᠪᠦᠭᠡᠳ ᠠᠵᠢᠯᠯᠠᠭᠤᠯᠬᠤ ᠴᠢᠨᠠᠷᠲᠠᠢ ᠲᠤᠭᠲᠠᠭ᠋ᠠᠯ ᠪᠤᠯᠬᠤ ᠲᠤᠯᠠ᠂ ᠵᠠᠰᠠᠭ᠎ᠤᠨ ᠣᠷᠳᠣᠨ᠎ᠤ ᠬᠥᠲᠥᠯᠥᠨ ᠵᠢᠯᠣᠭᠣᠳᠬᠤ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠬᠤ ᠪᠤᠯᠤᠨ᠎ᠠ᠃
(ᠬᠣᠶᠠᠷ) 《ᠮᠡᠳᠡᠭᠳᠡᠯ》᠎ᠳᠤ ᠳᠤᠷᠠᠳᠤᠭᠰᠠᠨ ᠭᠣᠣᠯ ᠠᠷᠭ᠎ᠠ ᠬᠡᠮᠵᠢᠶ᠎ᠡ᠃ 1. 《ᠮᠡᠳᠡᠭᠳᠡᠯ》᠎ᠳᠤ ᠲᠤᠲᠤᠷᠬᠠᠢ᠌ᠯᠠᠭᠰᠠᠨ᠎ᠨᠢ᠂ ᠨᠡᠭᠦᠷᠡᠰᠦᠨ᠎ᠤ ᠡᠬᠢ ᠪᠠᠶᠠᠯᠢᠭ᠎ᠤᠨ ᠠᠭᠤᠷᠬᠠᠶ ᠵᠢᠨ ᠦᠢ᠍ᠯᠡᠰ᠎ᠤᠨ ᠡᠷᠬᠡ᠎ᠲᠠᠢ ᠨᠡᠭᠦᠷᠡᠰᠦᠨ᠎ᠤ ᠠᠵᠤ ᠠᠬᠤᠶ᠋ᠢᠯᠠᠯ ᠬᠢᠭᠡᠳ ᠤᠯᠠᠷᠢᠭᠤᠯᠬᠤ ᠠᠵᠤ ᠠᠬᠤᠶ᠋ᠢᠯᠠᠯ ᠳᠠᠬᠢᠨ ᠵᠣᠬᠢᠶᠠᠨ ᠪᠠᠢ᠌ᠭᠤᠯᠬᠤ ᠵᠢᠨ ᠬᠠᠮᠲᠤ ᠳᠣᠣᠷᠠᠬᠢ ᠨᠥᠬᠥᠴᠡᠯ᠎ᠢ ᠪᠦᠷᠢᠳᠦᠭᠦᠯᠦᠭᠰᠡᠨ ᠪᠠᠢ᠌ᠪᠠᠯ᠂ ᠤᠯᠠᠷᠢᠭᠤᠯᠬᠤ ᠠᠵᠤ ᠠᠬᠤᠶ᠋ᠢᠯᠠᠯ᠎ᠤᠨ ᠥᠪᠡᠷ᠎ᠤᠨ ᠠᠭᠤᠷᠬᠠᠶ ᠵᠢᠨ ᠦᠢ᠍ᠯᠡᠰ᠎ᠤᠨ ᠡᠷᠬᠡ᠎ᠪᠠᠷ ᠵᠶ᠋ᠠᠨ ᠡᠬᠢ ᠪᠠᠶᠠᠯᠢᠭ᠎ᠤᠨ ᠲᠣᠬᠢᠷᠠᠭᠤᠯᠤᠯᠲᠠ ᠬᠢᠵᠤ ᠪᠤᠢ ᠭᠡᠵᠦ ᠦᠵᠡᠵᠦ ᠪᠤᠯᠤᠨ᠎ᠠ᠃ ᠨᠢᠭᠡ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠤᠭᠲᠠᠭ᠋ᠠᠭᠰᠠᠨ ᠨᠡᠭᠦᠷᠡᠰᠦ ᠵᠢ ᠤᠯᠠᠷᠢᠭᠤᠯᠬᠤ ᠲᠦᠷᠦᠯ ᠵᠦᠢ᠍ᠯ᠎ᠤᠨ ᠨᠡᠭᠦᠷᠡᠰᠦ ᠲᠣᠬᠢᠷᠠᠭᠤᠯᠬᠤ ᠦᠨ᠎ᠡ ᠬᠠᠨᠭ᠌ᠰᠢ ᠵᠢᠨ ᠵᠤᠭᠤᠰ᠎ᠤᠨ ᠪᠠᠷᠢᠮᠵᠢᠶ᠎ᠠ ᠶᠤᠰᠤᠭ᠋ᠠᠷ ᠳᠠᠬᠢᠨ ᠵᠣᠬᠢᠶᠠᠨ ᠪᠠᠶ᠋ᠢᠭᠤᠯᠬᠤ ᠠᠵᠢᠯ᠎ᠢ ᠪᠡᠶᠡᠯᠡᠭᠦᠯᠬᠦ ᠬᠡᠷᠡᠭᠲᠡᠶ᠃ ᠬᠣᠶᠠᠷ᠎ᠲᠤ ᠬᠣᠯᠪᠣᠭᠳᠠᠬᠤ ᠨᠡᠭᠦᠷᠡᠰᠦᠨ᠎ᠤ ᠡᠬᠢ ᠪᠠᠶᠠᠯᠢᠭ᠎ᠢ ᠤᠯᠤᠰ᠎ᠤᠨ ᠨᠡᠭᠡᠭᠡᠨ ᠬᠥᠭᠵᠢᠭᠦᠯᠬᠦ ᠲᠥᠯᠥᠪᠵᠢᠭᠦᠯᠭᠡ ᠵᠢᠨ ᠬᠤᠪᠢᠶᠠᠷᠢᠯᠠᠵᠤ ᠦᠭᠭᠦᠭᠰᠡᠨ ᠠᠭᠤᠷᠬᠠᠢ᠎ᠳᠤ ᠤᠷᠤᠭᠤᠯᠤᠭᠰᠠᠨ ᠪᠠᠢ᠌ᠬᠤ ᠬᠡᠷᠡᠭᠲᠠᠢ᠃ ᠭᠤᠷᠪᠠ᠎ᠳᠤ ᠤᠯᠠᠷᠢᠯᠠᠭᠤᠯᠬᠤ ᠠᠵᠤ ᠠᠬᠤᠶ᠋ᠢᠯᠠᠯ᠎ᠤᠨ ᠡᠵᠡᠯᠡᠵᠤ ᠪᠠᠢ᠌ᠭ᠎ᠠ ᠰᠲ᠋ᠣᠺ᠎ᠤᠨ ᠡᠷᠬᠡ᠎ᠳᠤ ᠵᠤᠬᠢᠴᠠᠯᠳᠤᠬᠤ ᠡᠬᠢ ᠪᠠᠶᠠᠯᠢᠭ᠎ᠤᠨ ᠬᠡᠮᠵᠢᠶ᠎ᠡ᠎ᠨᠢ ᠲᠤᠰ ᠬᠤᠪᠢᠶᠠᠷᠢᠯᠠᠵᠤ ᠦᠭᠭᠦᠭᠰᠡᠨ ᠠᠭᠤᠷᠬᠠᠢ ᠵᠢᠨ ᠬᠠᠳᠠᠭ᠋ᠠᠯᠠᠭᠳᠠᠴᠠ ᠵᠢᠨ 49 %᠎ᠠᠴᠠ ᠳᠡᠭᠡᠭᠰᠢ᠎ᠳᠤ ᠬᠦᠷᠦᠭᠰᠡᠨ ᠪᠠᠢ᠌ᠬᠤ ᠪᠤᠶᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠵᠶ᠋ᠠᠷ ᠵᠦᠪᠰᠢᠶᠡᠷᠡᠭᠦᠯᠦᠭᠰᠡᠨ ᠪᠠᠢ᠌ᠬᠤ ᠬᠡᠷᠡᠭᠲᠠᠢ᠃
[ᠸᠠᠩ ᠵᠢᠶᠦ᠋ᠨ ᠹᠸᠩ]᠄
2. 《ᠮᠡᠳᠡᠭᠳᠡᠯ》᠎ᠳᠤ ᠨᠡᠢ᠌ᠯᠡᠭᠦᠯᠵᠤ ᠳᠠᠬᠢᠨ ᠵᠣᠬᠢᠶᠠᠨ ᠪᠠᠶ᠋ᠢᠭᠤᠯᠬᠤ᠎ᠳᠤ ᠤᠷᠤᠯᠴᠠᠭᠰᠠᠨ ᠠᠵᠤ ᠠᠬᠤᠶ᠋ᠢᠯᠠᠯ ᠲᠥᠷᠥ ᠵᠢᠨ ᠪᠣᠳᠣᠯᠭ᠎ᠠ ᠵᠢᠨ ᠬᠠᠷᠠᠭ᠋ᠠᠯᠵᠠᠯ᠎ᠢ ᠬᠦᠷᠲᠡᠨ᠎ᠡ ᠬᠡᠵᠤ ᠲᠤᠲᠤᠷᠬᠠᠢ᠌ᠯᠠᠭᠰᠠᠨ ᠪᠠᠢ᠌ᠨ᠎ᠠ᠃ ᠨᠢᠭᠡ᠎ᠳᠤ ᠤᠯᠠᠷᠢᠭᠤᠯᠬᠤ ᠠᠵᠤ ᠠᠬᠤᠶ᠋ᠢᠯᠠᠯ ᠬᠤᠪᠢ ᠤᠷᠤᠭᠤᠯᠤᠯᠲᠠ ᠡᠷᠬᠡᠰᠢᠶᠡᠵᠤ ᠪᠠᠢ᠌ᠭ᠎ᠠ ᠨᠡᠭᠦᠷᠡᠰᠦ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠬᠠᠷᠢᠶ᠎ᠠ ᠪᠦᠬᠦᠢ ᠬᠠᠤᠯᠢ ᠶᠣᠰᠣᠨ᠎ᠤ ᠨᠡᠭᠦᠷᠡᠰᠦᠨ ᠠᠭᠤᠷᠬᠠᠶ ᠵᠢᠨ ᠡᠷᠭᠢᠨ ᠲᠣᠭᠣᠷᠢᠨ᠎ᠳᠤ ᠠᠭᠤᠷᠬᠠᠶ ᠵᠢᠨ ᠦᠢ᠍ᠯᠡᠰ᠎ᠤᠨ ᠡᠷᠬᠡ ᠵᠢ ᠲᠤᠰᠠᠭ᠋ᠠᠷ᠎ᠨᠢ ᠲᠤᠬᠢᠷᠠᠭᠤᠯᠬᠤ᠎ᠳᠤ ᠲᠤᠬᠢᠷᠠᠬᠤ ᠦᠭᠡᠶ ᠦᠯᠡᠳᠡᠭᠳᠡᠯ ᠡᠬᠢ ᠪᠠᠶᠠᠯᠢᠭ ᠪᠠᠢ᠌ᠪᠠᠯ᠂ ᠨᠡᠭᠦᠷᠡᠰᠦᠨ᠎ᠤ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ ᠪᠤᠯᠤᠨ ᠨᠡᠭᠡᠭᠡᠨ ᠠᠰᠢᠭᠯᠠᠬᠤ ᠲᠥᠯᠥᠪᠵᠢᠭᠦᠯᠭᠡ ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ ᠲᠤᠰ ᠨᠡᠭᠦᠷᠡᠰᠦᠨ ᠠᠭᠤᠷᠬᠠᠶ᠎ᠳᠤ ᠡᠮᠬᠢᠯᠡᠨ ᠨᠡᠶ᠋ᠢᠯᠡᠭᠦᠯᠵᠦ ᠨᠡᠭᠡᠭᠡᠨ ᠠᠰᠢᠭᠯᠠᠬᠤ ᠵᠢ ᠲᠣᠬᠢᠷᠠᠭᠤᠯᠵᠤ ᠪᠤᠯᠤᠨ᠎ᠠ᠂ ᠪᠣᠳᠠᠲᠠᠶ ᠳᠡᠰ ᠳᠠᠷᠠᠭ᠋ᠠᠯᠠᠯ᠎ᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠵᠤ᠂ ᠰᠢᠨ᠎ᠡ᠎ᠪᠠᠷ ᠨᠡᠮᠡᠭᠳᠡᠭᠦᠯᠦᠭᠰᠡᠨ ᠨᠡᠭᠦᠷᠡᠰᠦᠨ᠎ᠤ ᠡᠬᠢ ᠪᠠᠶᠠᠯᠢᠭ᠎ᠤᠨ ᠦᠨ᠎ᠡ ᠬᠠᠨᠭ᠌ᠰᠢ ᠵᠢᠨ ᠵᠤᠭᠤᠰ᠎ᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠨᠡᠭᠦᠷᠡᠰᠦ ᠵᠢ ᠤᠯᠠᠷᠢᠭᠤᠯᠬᠤ ᠲᠦᠷᠦᠯ ᠵᠦᠢ᠍ᠯ᠎ᠤᠨ ᠨᠡᠭᠦᠷᠡᠰᠦ ᠲᠣᠬᠢᠷᠠᠭᠤᠯᠬᠤ ᠦᠨ᠎ᠡ ᠬᠠᠨᠭ᠌ᠰᠢ ᠵᠢᠨ ᠵᠤᠭᠤᠰ᠎ᠤᠨ ᠪᠠᠷᠢᠮᠵᠢᠶ᠎ᠠ ᠶᠣᠰᠣᠭ᠋ᠠᠷ ᠲᠤᠰᠢᠶᠠᠨ᠎ᠠ᠃ ᠬᠣᠶᠠᠷ᠎ᠲᠤ ᠳᠡᠭᠡᠷ᠎ᠡ ᠳᠤᠷᠠᠳᠤᠭᠰᠠᠨ ᠱᠠᠭ᠋ᠠᠷᠳᠠᠯᠭ᠎ᠠ ᠶᠣᠰᠣᠭ᠋ᠠᠷ ᠰᠲ᠋ᠣᠺ᠎ᠤᠨ ᠡᠷᠬᠡ᠂ ᠠᠭᠤᠷᠬᠠᠶ ᠵᠢᠨ ᠦᠢ᠍ᠯᠡᠰ᠎ᠤᠨ ᠡᠷᠬᠡ ᠵᠢ ᠰᠢᠯᠵᠢᠭᠦᠯᠦᠨ ᠥᠭᠬᠦ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠵᠶ᠋ᠠᠷ ᠵᠦᠪᠰᠢᠶᠡᠷᠡᠭᠦᠯᠦᠭᠡᠳ᠂ ᠬᠢᠨᠠᠨ ᠵᠦᠪᠰᠢᠶᠡᠷᠡᠭᠦᠯᠬᠦ ᠳᠡᠰ ᠳᠠᠷᠠᠭ᠋ᠠᠯᠠᠯ᠎ᠢ ᠭᠦᠢ᠍ᠴᠡᠳᠬᠡᠬᠦ ᠦᠭᠡᠶ᠎ᠪᠠᠷ ᠰᠢᠭᠤᠳ ᠬᠣᠯᠪᠣᠭᠳᠠᠯ ᠪᠦᠬᠦᠢ ᠭᠠᠷᠳᠠᠮ᠎ᠢ ᠭᠦᠢ᠍ᠴᠡᠳᠭᠡᠵᠤ ᠪᠤᠯᠤᠨ᠎ᠠ᠃ ᠭᠤᠷᠪᠠ᠎ᠳᠤ ᠪᠣᠳᠠᠲᠠᠶ ᠶᠠᠪᠤᠴᠠ᠎ᠳᠤ ᠠᠵᠤ ᠠᠬᠤᠶ᠋ᠢᠯᠠᠯ᠎ᠤᠨ ᠨᠡᠶ᠋ᠢᠯᠡᠭᠦᠯᠵᠦ ᠳᠠᠬᠢᠨ ᠵᠣᠬᠢᠶᠠᠨ ᠪᠠᠶ᠋ᠢᠭᠤᠯᠬᠤ ᠵᠢ ᠳᠡᠮᠵᠢᠬᠦ ᠲᠤᠬᠠᠢ ᠤᠯᠤᠰ᠎ᠤᠨ ᠭᠠᠶ᠋ᠢᠯᠢ ᠲᠠᠲᠠᠪᠤᠷᠢ ᠵᠡᠷᠭᠡ ᠬᠠᠮᠢᠶ᠎ᠠ ᠪᠦᠬᠦᠢ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠬᠦᠷᠲᠡᠵᠤ ᠪᠤᠯᠤᠨ᠎ᠠ᠃ ᠳᠥᠷᠪᠡ᠎ᠳᠤ ᠥᠪᠡᠷᠲᠡᠭᠡᠨ ᠵᠠᠰᠠᠬᠤ ᠣᠷᠣᠨ᠎ᠤ ᠭᠤᠤᠯᠴᠢᠯᠠᠨ ᠬᠠᠮᠢᠶᠠᠷᠴᠤ ᠪᠦᠬᠦᠢ ᠰᠠᠯᠠᠭ᠎ᠠ ᠮᠥᠴᠢᠷ᠎ᠨᠢ ᠲᠤᠰ ᠬᠤᠪᠢᠶᠠᠷᠢᠯᠠᠵᠤ ᠦᠭᠭᠦᠭᠰᠡᠨ ᠨᠡᠭᠦᠷᠡᠰᠦᠨ ᠠᠭᠤᠷᠬᠠᠶ ᠵᠢᠨ ᠬᠢᠨᠠᠨ ᠵᠦᠪᠰᠢᠶᠡᠷᠡᠭᠦᠯᠬᠦ ᠵᠢᠨ ᠮᠡᠳᠡᠭᠦᠯᠦᠨ ᠵᠥᠪᠰᠢᠶᠡᠷᠡᠭᠦᠯᠬᠦ ᠵᠢ ᠡᠨᠭ ᠲᠡᠷᠢᠭᠦᠨ᠎ᠳᠤ ᠲᠤᠬᠢᠷᠠᠭᠤᠯᠬᠤ ᠬᠡᠷᠡᠭᠲᠡᠶ᠃
3. 《ᠮᠡᠳᠡᠭᠳᠡᠯ》᠎ᠳᠤ ᠨᠡᠭᠦᠷᠡᠰᠦ ᠲᠤᠬᠢᠷᠠᠭᠤᠯᠵᠤ ᠦᠭᠭᠦᠭᠰᠡᠨ ᠤᠯᠠᠷᠢᠭᠤᠯᠬᠤ ᠠᠵᠤ ᠠᠬᠤᠶ᠋ᠢᠯᠠᠯ ᠬᠢᠭᠡᠳ ᠬᠠᠤᠯᠢ ᠶᠣᠰᠣᠨ᠎ᠤ ᠨᠡᠭᠦᠷᠡᠰᠦᠨ ᠠᠭᠤᠷᠬᠠᠶ ᠵᠢᠨ ᠡᠬᠢ ᠪᠠᠶᠠᠯᠢᠭ ᠵᠶ᠋ᠠᠨ ᠰᠣᠯᠢᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠳᠠᠬᠢᠨ ᠵᠣᠬᠢᠶᠠᠨ ᠪᠠᠢ᠌ᠭᠤᠯᠬᠤ ᠵᠢ ᠳᠡᠮᠵᠢᠨ᠎ᠡ ᠬᠡᠵᠠᠢ᠃
4. 《ᠮᠡᠳᠡᠭᠳᠡᠯ》᠎ᠳᠤ ᠬᠣᠯᠪᠣᠭᠳᠠᠯ ᠪᠦᠬᠦᠢ ᠬᠢᠵᠠᠭ᠋ᠠᠷᠯᠠᠬᠤ ᠨᠥᠬᠥᠴᠡᠯ ᠲᠤᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠲᠢᠩᠬᠢᠮ ᠬᠢᠭᠡᠳ ᠤᠯᠠᠷᠢᠭᠤᠯᠬᠤ ᠠᠵᠤ ᠠᠬᠤᠶ᠋ᠢᠯᠠᠯ᠂ ᠨᠡᠭᠦᠷᠡᠰᠦᠨ᠎ᠤ ᠡᠬᠢ ᠪᠠᠶᠠᠯᠢᠭ᠎ᠤᠨ ᠠᠭᠤᠷᠬᠠᠶ ᠵᠢᠨ ᠦᠢ᠍ᠯᠡᠰ᠎ᠤᠨ ᠡᠷᠬᠡ᠎ᠲᠠᠢ ᠠᠵᠤ ᠠᠬᠤᠶ᠋ᠢᠯᠠᠯ ᠭᠤᠷᠪᠠᠨ ᠲᠠᠯ᠎ᠠ᠎ᠪᠠᠷ ᠵᠶ᠋ᠠᠨ ᠵᠦᠪᠯᠡᠯᠴᠡᠭᠡᠷ ᠲᠤᠭᠲᠠᠵᠤ᠂ ᠬᠣᠯᠪᠣᠭᠳᠠᠯ ᠪᠦᠬᠦᠢ ᠲᠠᠯ᠎ᠠ ᠵᠢᠨ ᠬᠠᠷᠢᠭᠤᠴᠠᠯᠭ᠎ᠠ ᠪᠤᠯᠤᠨ ᠡᠭᠦᠷᠭᠡ ᠵᠢ ᠲᠤᠲᠤᠷᠬᠠᠢ᠌ᠯᠠᠨᠠ᠃
[ᠬᠥᠲᠥᠯᠥᠭᠴᠢ]᠄
ᠵᠠ᠂ ᠸᠠᠩ ᠡᠷᠬᠢᠯᠡᠭᠴᠢ ᠵᠢᠨ ᠲᠠᠶ᠋ᠢᠯᠪᠤᠷᠢᠯᠠᠯᠲᠠ ᠬᠢᠭᠰᠡᠨ᠎ᠳᠤ ᠲᠠᠯᠠᠷᠬᠠᠵᠤ ᠪᠠᠶ᠋ᠢᠨ᠎ᠠ᠂ ᠰᠦᠯᠵᠢᠶᠡᠨ ᠠᠨᠳᠠ ᠨᠠᠷ᠎ᠤᠨ ᠤᠷᠤᠯᠴᠠᠭᠰᠠᠨ᠎ᠳᠤ ᠲᠠᠯᠠᠷᠬᠠᠵᠤ ᠪᠠᠶ᠋ᠢᠨ᠎ᠠ᠃ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠲᠡᠭᠦᠰᠪᠡ᠂ ᠳᠠᠷᠠᠭ᠋ᠠᠴᠢ ᠵᠢᠨ ᠫᠷᠦᠭᠷᠠᠮ᠎ᠳᠤ ᠳᠠᠬᠢᠨ ᠵᠤᠯᠭ᠋ᠠᠶ᠎ᠠ!

ᠥᠪᠡᠷᠲᠡᠭᠡᠨ ᠵᠠᠰᠠᠬᠣ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠡᠯᠸᠺᠲᠷᠤᠨ ᠵᠠᠰᠠᠭ᠎ᠤᠨ ᠶᠠᠪᠤᠳᠠᠯ᠎ᠤᠨ ᠭᠠᠵᠠᠷ᠎ᠤᠨ ᠳᠠᠷᠤᠭ᠎ᠠ ᠡᠾᠸ ᠪᠢᠶᠤᠤ ᠡᠷᠬᠢᠮ ᠵᠣᠴᠢᠨ᠎ᠳᠤ ᠪᠠᠷ᠎ᠠ ᠪᠣᠯᠵᠤ ᠥᠪᠡᠷᠲᠡᠭᠡᠨ ᠵᠠᠰᠠᠬᠣ ᠣᠷᠣᠨ᠎ᠤ ᠫᠤᠷᠲᠸᠯ ᠰᠦᠯᠵᠢᠶ᠎ᠡ ᠵᠢ ᠲᠣᠭᠤᠷᠢᠨ ᠦᠵᠡᠵᠦ ᠪᠠᠢ᠌ᠭ᠎ᠠ᠎ᠨᠢ

ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠮᠡᠳᠡᠭᠡ ᠵᠠᠩᠭᠢᠵᠢᠯ᠎ᠤᠨ ᠵᠥᠪᠯᠡᠯ᠎ᠤᠨ ᠳᠡᠳ᠋ ᠡᠷᠬᠢᠯᠡᠭᠴᠢ᠂ ᠨᠡᠭᠦᠷᠡᠰᠦᠨ ᠠᠵᠤ ᠦᠢ᠍ᠯᠡᠳᠪᠦᠷᠢ ᠵᠢᠨ ᠲᠣᠪᠴᠢᠶ᠎ᠠ ᠵᠢᠨ ᠳᠠᠷᠤᠭ᠎ᠠ ᠸᠠᠩ ᠵᠢᠶᠦ᠋ᠨ ᠹᠸᠩ 《ᠳᠤᠮᠳᠠᠳᠤ ᠤᠯᠤᠰ ᠥᠪᠥᠷ ᠮᠣᠩᠭᠤᠯ》 ᠰᠦᠯᠵᠢᠶ᠎ᠡ᠎ᠳᠤ ᠰᠠᠭ᠋ᠠᠳᠠᠵᠤ ᠪᠠᠢ᠌ᠭ᠎ᠠ᠎ᠨᠢ