
ᠰᠤᠷᠪᠤᠯᠵᠢᠯᠠᠨ ᠶᠠᠷᠢᠯᠴᠠᠭᠰᠠᠨ ᠭᠤᠤᠯ ᠰᠡᠳᠦᠪ᠄
ᠭᠠᠵᠠᠷ ᠰᠢᠷᠣᠶ ᠵᠢ ᠠᠷᠪᠢᠲᠠᠶ ᠡᠷᠴᠢᠮᠯᠢᠭ ᠠᠰᠢᠭᠯᠠᠵᠤ ᠭᠠᠵᠠᠷ ᠰᠢᠷᠣᠶ ᠵᠢ ᠠᠰᠢᠭᠯᠠᠬᠤ ᠠᠷᠭ᠎ᠠ ᠮᠠᠶᠢᠭ᠎ᠢ ᠦᠨᠳᠦᠰᠦᠨ᠎ᠠᠴᠠ᠎ᠨᠢ ᠬᠤᠪᠢᠷᠠᠭᠤᠯᠬᠤ ᠵᠢ ᠳᠥᠯᠭᠢᠨ ᠠᠬᠢᠭᠤᠯᠬᠤ ᠬᠡᠷᠡᠭᠲᠡᠢ
ᠰᠤᠷᠪᠤᠯᠵᠢᠯᠠᠭᠰᠠᠨ ᠴᠠᠭ᠄
2015 ᠤᠨ᠎ᠤ 6 ᠳ᠋ᠤᠭ᠋ᠠᠷ ᠰᠠᠷ᠎ᠠ ᠵᠢᠨ 25᠎ᠤ ᠡᠳᠦᠷ᠎ᠤᠨ ᠦᠳᠡ ᠵᠢᠨ ᠬᠣᠢ᠌ᠨ᠎ᠠ ᠵᠢᠨ 3 ᠴᠠᠭ
ᠰᠤᠷᠪᠤᠯᠵᠢᠯᠠᠭᠰᠠᠨ ᠵᠤᠴᠢᠨ᠄
ᠦᠪᠡᠷᠲᠡᠭᠡᠨ ᠵᠠᠰᠠᠬᠤ ᠤᠷᠤᠨ᠎ᠤ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠲᠢᠨᠭᠭᠢᠮ᠎ᠤᠨ ᠳᠡᠳ᠋ ᠲᠤᠭᠤᠷᠢᠨ ᠪᠠᠢ᠌ᠴᠠᠭ᠋ᠠᠭᠴᠢ ᠵᠣᠣ ᠳ᠋ᠠ ᠶᠥᠩ
ᠰᠤᠷᠪᠤᠯᠵᠢᠯᠠᠨ ᠶᠠᠷᠢᠯᠴᠠᠭᠰᠠᠨ ᠲᠤᠪᠴᠢ᠄
ᠭᠠᠵᠠᠷ ᠰᠢᠷᠤᠢ ᠵᠢ ᠠᠷᠪᠢᠲᠠᠶ ᠡᠷᠴᠢᠮᠯᠢᠭ ᠬᠡᠷᠡᠭᠯᠡᠬᠦ ᠵᠢ ᠲᠦᠯᠬᠢᠨ ᠠᠬᠢᠭᠤᠯᠬᠤ ᠪᠣᠯ ᠠᠵᠤ ᠠᠬᠤᠶ ᠵᠢᠨ ᠬᠥᠭᠵᠢᠯᠲᠡ ᠵᠢᠨ ᠠᠷᠭ᠎ᠠ ᠮᠠᠶᠢᠭ᠎ᠢ ᠲᠦᠷᠭᠡᠳᠬᠡᠨ ᠬᠤᠪᠢᠷᠠᠭᠤᠯᠬᠤ᠂ ᠠᠵᠤ ᠠᠬᠤᠶ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠦᠨ ᠳᠡᠰ ᠳᠡᠪᠰᠢᠭᠦᠯᠬᠦ ᠵᠢ ᠳᠥᠯᠭᠢᠨ ᠠᠬᠢᠭᠤᠯᠬᠤ ᠵᠠᠶ᠋ᠢᠯᠠᠰᠢ ᠦᠭᠡᠶ ᠰᠣᠩᠭᠣᠯᠲᠠ ᠮᠥᠨ᠂ ᠮᠦᠨᠴᠦ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠶᠡᠬᠡᠪᠡᠷ ᠳᠥᠯᠭᠢᠨ ᠠᠬᠢᠭᠤᠯᠵᠤ᠂ ᠠᠵᠤ ᠠᠬᠤᠶ ᠨᠡᠶ᠋ᠢᠭᠡᠮ᠎ᠤᠨ ᠠᠯᠤᠰ ᠬᠡᠳᠦ ᠵᠢᠨ ᠦᠷᠭᠦᠯᠵᠢᠯᠡᠬᠦ ᠬᠥᠭᠵᠢᠯᠲᠡ ᠵᠢ ᠪᠠᠲᠤᠯᠠᠬᠤ ᠵᠠᠶ᠋ᠢᠯᠠᠰᠢ ᠦᠭᠡᠶ ᠶᠠᠪᠤᠬᠤ ᠵᠠᠮ ᠮᠥᠨ᠃ ᠡᠨᠡ ᠵᠢᠯ᠎ᠤᠨ 6 ᠳ᠋ᠤᠭ᠋ᠠᠷ ᠰᠠᠷ᠎ᠠ ᠵᠢᠨ 25᠎ᠤ ᠡᠳᠦᠷ ᠪᠣᠯ ᠬᠣᠷᠢᠨ ᠲᠠᠪᠤᠳᠠᠬᠢ ᠪᠦᠬᠦ ᠤᠯᠤᠰ᠎ᠤᠨ 《ᠭᠠᠵᠠᠷ ᠰᠢᠷᠣᠶ ᠵᠢᠨ ᠡᠳᠦᠷ》 ᠮᠦᠨ᠂ ᠤᠬᠠᠭᠤᠯᠭ᠎ᠠ ᠵᠢᠨ ᠭᠣᠣᠯ ᠰᠡᠳᠦᠪ ᠪᠣᠯ 《ᠭᠠᠵᠠᠷ ᠰᠢᠷᠣᠶ ᠵᠢ ᠠᠷᠪᠢᠲᠠᠶ ᠡᠷᠴᠢᠮᠯᠢᠭ ᠠᠰᠢᠭᠯᠠᠵᠤ᠂ ᠭᠠᠵᠠᠷ ᠰᠢᠷᠣᠶ ᠵᠢ ᠠᠰᠢᠭᠯᠠᠬᠤ ᠠᠷᠭ᠎ᠠ ᠮᠠᠶᠢᠭ᠎ᠢ ᠦᠨᠳᠦᠰᠦᠨ᠎ᠠᠴᠠ᠎ᠨᠢ ᠬᠤᠪᠢᠷᠠᠭᠤᠯᠬᠤ ᠵᠢ ᠳᠥᠯᠭᠢᠨ ᠠᠬᠢᠭᠤᠯᠤᠶ᠎ᠠ》᠂ ᠡᠨᠡ ᠪᠣᠯ ᠵᠠᠯᠭ᠎ᠠ᠎ᠪᠠᠷ ᠭᠤᠷᠪᠠᠨ ᠵᠢᠯ 《ᠭᠠᠵᠠᠷ ᠰᠢᠷᠣᠶ ᠵᠢ ᠠᠷᠪᠢᠲᠠᠶ ᠡᠷᠴᠢᠮᠯᠢᠭ ᠬᠡᠷᠡᠭᠯᠡᠬᠦ》᠎ᠪᠠᠷ ᠭᠣᠣᠯ ᠰᠡᠳᠦᠪ ᠪᠣᠯᠭ᠋ᠠᠭᠰᠠᠨ ᠪᠦᠬᠦ ᠤᠯᠤᠰ᠎ᠤᠨ ᠭᠠᠵᠠᠷ ᠰᠢᠷᠣᠶ ᠵᠢᠨ ᠡᠳᠦᠷ ᠶᠤᠮ᠃ ᠬᠣᠯᠪᠣᠭᠳᠠᠯ ᠪᠦᠬᠦᠢ ᠪᠠᠶ᠋ᠢᠳᠠᠯ᠎ᠢ ᠭᠦᠨᠵᠡᠭᠡᠶ ᠣᠶ᠋ᠢᠯᠠᠭ᠋ᠠᠬᠤ ᠵᠢᠨ ᠲᠤᠰᠠᠳᠠ᠂ ᠣᠶ᠋ᠢᠷ᠎ᠠ᠎ᠳᠤ᠂ ᠪᠢᠳᠡ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠲᠢᠩᠬᠢᠮ᠎ᠤᠨ ᠳᠡᠳ᠋ ᠲᠣᠭᠣᠷᠢᠨ ᠪᠠᠶ᠋ᠢᠴᠠᠭ᠋ᠠᠭᠴᠢ ᠵᠣᠣ ᠳ᠋ᠠ ᠶᠥᠩ ᠵᠢ 《ᠳᠤᠮᠳᠠᠳᠤ ᠤᠯᠤᠰ ᠥᠪᠥᠷ ᠮᠣᠩᠭᠣᠯ》 ᠰᠦᠯᠵᠶᠡᠠᠳᠤ ᠤᠷᠢᠵᠤ ᠲᠠ ᠪᠦᠬᠦᠨ᠎ᠲᠠᠢ ᠰᠦᠯᠵᠢᠶᠠᠨ ᠳᠡᠭᠡᠷ᠎ᠡ ᠵᠤᠭᠤᠭᠳᠠᠭᠤᠯᠬᠤ᠎ᠪᠠᠷ ᠪᠤᠯᠪᠠ᠂ ᠦᠷᠭᠡᠨ ᠤᠯᠠᠨ ᠰᠦᠯᠵᠢᠶᠠᠨ ᠠᠨᠳᠠ ᠨᠠᠷ ᠲᠤᠬᠠᠢ ᠵᠢᠨ ᠴᠠᠭᠲᠤᠨᠢ ᠢᠳᠡᠪᠬᠢᠲᠠᠢ ᠤᠷᠤᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ!
[ᠬᠦᠲᠦᠯᠦᠭᠴᠢ] ᠰᠦᠯᠵᠢᠶᠡᠨ ᠠᠨᠳᠠ ᠨᠠᠷ ᠡ᠂ ᠠᠮᠤᠷ ᠠᠢ᠌ᠯᠠᠳᠬᠠᠶᠠ! ᠲᠠ ᠪᠦᠬᠦᠨ ᠲᠤᠰ ᠬᠤᠭᠤᠴᠠᠭ᠋ᠠᠨ᠎ᠤ 《ᠳᠤᠮᠳᠠᠲᠤ ᠤᠯᠤᠰ ᠦᠪᠦᠷ ᠮᠤᠨᠭ᠌ᠭᠤᠯ》 ᠰᠦᠯᠵᠢᠶᠡᠨ ᠳᠡᠭᠡᠷ᠎ᠡ ᠰᠤᠷᠪᠤᠯᠵᠢᠯᠠᠨ ᠶᠠᠷᠢᠯᠴᠠᠬᠤ ᠫᠷᠤᠭ᠌ᠷᠠᠮ᠎ᠢ ᠬᠦᠯᠢᠶᠡᠨ ᠦᠵᠡᠬᠦ ᠵᠢ ᠪᠠᠶᠠᠷᠯᠠᠨ ᠤᠭᠳᠤᠵᠤ ᠪᠠᠢ᠌ᠨ᠎ᠠ᠃ ᠡᠨᠡ ᠵᠢᠯ᠎ᠤᠨ 6 ᠳ᠋ᠤᠭ᠋ᠠᠷ ᠰᠠᠷ᠎ᠠ ᠵᠢᠨ 25᠎ᠤ ᠡᠳᠦᠷ ᠪᠣᠯ ᠬᠣᠷᠢᠨ ᠲᠠᠪᠤᠳᠠᠬᠢ ᠪᠦᠬᠦ ᠤᠯᠤᠰ᠎ᠤᠨ 《ᠭᠠᠵᠠᠷ ᠰᠢᠷᠣᠶ ᠵᠢᠨ ᠡᠳᠦᠷ》 ᠪᠣᠯᠣᠨ᠎ᠠ᠂ ᠤᠬᠠᠭᠤᠯᠭ᠎ᠠ ᠵᠢᠨ ᠭᠣᠣᠯ ᠰᠡᠳᠦᠪ ᠪᠣᠯ 《ᠭᠠᠵᠠᠷ ᠰᠢᠷᠣᠶ ᠵᠢ ᠠᠷᠪᠢᠲᠠᠶ ᠡᠷᠴᠢᠮᠯᠢᠭ ᠠᠰᠢᠭᠯᠠᠵᠤ᠂ ᠭᠠᠵᠠᠷ ᠰᠢᠷᠣᠶ ᠵᠢ ᠠᠰᠢᠭᠯᠠᠬᠤ ᠠᠷᠭ᠎ᠠ ᠮᠠᠶᠢᠭ᠎ᠢ ᠦᠨᠳᠦᠰᠦᠨ᠎ᠠᠴᠠ᠎ᠨᠢ ᠬᠤᠪᠢᠷᠠᠭᠤᠯᠬᠤ ᠵᠢ ᠳᠥᠯᠭᠢᠨ ᠠᠬᠢᠭᠤᠯᠤᠶ᠎ᠠ》᠂ ᠡᠨᠡ ᠪᠣᠯ ᠵᠠᠯᠭ᠎ᠠ᠎ᠪᠠᠷ ᠭᠤᠷᠪᠠᠨ ᠵᠢᠯ 《ᠭᠠᠵᠠᠷ ᠰᠢᠷᠣᠶ ᠵᠢ ᠠᠷᠪᠢᠲᠠᠶ ᠡᠷᠴᠢᠮᠯᠢᠭ ᠬᠡᠷᠡᠭᠯᠡᠬᠦ》᠎ᠪᠠᠷ ᠭᠣᠣᠯ ᠰᠡᠳᠦᠪ ᠪᠣᠯᠭ᠋ᠠᠭᠰᠠᠨ ᠪᠦᠬᠦ ᠤᠯᠤᠰ᠎ᠤᠨ ᠭᠠᠵᠠᠷ ᠰᠢᠷᠣᠶ ᠵᠢᠨ ᠡᠳᠦᠷ ᠶᠤᠮ᠃ ᠣᠳᠣᠬᠠᠨ᠎ᠳᠤ᠂ ᠮᠠᠨ᠎ᠤ ᠤᠯᠤᠰ ᠠᠵᠤ ᠠᠬᠤᠶ ᠵᠢᠨ ᠬᠥᠭᠵᠢᠯᠲᠡ ᠵᠢᠨ ᠰᠢᠨ᠎ᠡ ᠪᠠᠶ᠋ᠢᠳᠠᠯ᠎ᠳᠤ ᠣᠷᠣᠵᠤ᠂ ᠠᠵᠤ ᠠᠬᠤᠶ ᠵᠢᠨ ᠨᠡᠮᠡᠭᠳᠡᠯ᠎ᠤᠨ ᠰᠢᠯᠵᠢᠯᠲᠡ ᠵᠢᠨ ᠬᠤᠭᠤᠴᠠᠭ᠎ᠠ᠂ ᠪᠦᠲᠦᠴᠡ ᠵᠢᠨ ᠲᠣᠬᠢᠷᠠᠭᠤᠯᠤᠯᠲᠠ ᠬᠢᠬᠦ ᠡᠪᠡᠷᠰᠢᠶᠡᠯ᠎ᠤᠨ ᠬᠤᠭᠤᠴᠠᠭ᠎ᠠ᠂ ᠡᠮᠦᠨ᠎ᠡ ᠬᠤᠭᠤᠴᠠᠭ᠋ᠠᠨ᠎ᠤ ᠤᠷᠮᠠᠰᠢᠭᠤᠯᠤᠯ᠎ᠤᠨ ᠲᠥᠷᠥ ᠵᠢᠨ ᠪᠣᠳᠣᠯᠭ᠎ᠠ ᠵᠢ ᠰᠢᠩᠭᠡᠭᠡᠬᠦ ᠬᠤᠭᠤᠴᠠᠭ᠎ᠠ ᠵᠡᠷᠭᠡ 《ᠭᠤᠷᠪᠠᠨ ᠬᠤᠭᠤᠴᠠᠭ᠎ᠠ ᠳᠠᠪᠬᠤᠴᠠᠭᠰᠠᠨ》 ᠰᠢᠨ᠎ᠡ ᠱᠠᠲᠤ ᠦᠶ᠎ᠡ᠎ᠳᠤ ᠣᠷᠣᠰᠢᠵᠤ᠂ ᠡᠬᠢ ᠪᠠᠶᠠᠯᠢᠭ᠎ᠤᠨ ᠣᠷᠴᠢᠨ ᠲᠣᠭᠣᠷᠢᠨ᠎ᠤ ᠬᠢᠵᠠᠭ᠋ᠠᠷᠯᠠᠯ ᠡᠳᠦᠷ ᠢᠷᠡᠬᠦᠶ᠎ᠡ ᠰᠢᠷᠦᠭᠦᠰᠴᠦ᠂ ᠬᠥᠭᠵᠢᠯᠲᠡ ᠵᠢᠨ ᠵᠠᠮ᠎ᠳᠤ ᠲᠦᠰᠢᠭᠯᠡᠬᠦ ᠪᠠ ᠰᠡᠳᠬᠢᠭᠦᠢ ᠵᠢᠨ ᠢᠨᠧᠷᠼᠢ ᠮᠥᠨ ᠬᠦ᠌ ᠴᠢᠩᠭ᠎ᠠ ᠪᠠᠢ᠌ᠵᠤ᠂ ᠬᠥᠭᠵᠢᠯᠲᠡ ᠵᠢᠨ ᠶᠠᠰᠤ ᠴᠢᠨᠠᠷ ᠪᠣᠯᠣᠨ ᠦᠷ᠎ᠡ ᠠᠰᠢᠭ᠎ᠢ ᠲᠦᠷᠭᠡᠨ ᠳᠡᠭᠡᠭᠰᠢᠯᠡᠭᠦᠯᠬᠦ ᠬᠡᠷᠡᠭᠲᠠᠢ ᠪᠠᠢ᠌ᠨ᠎ᠠ᠃ ᠡᠭᠦᠨ᠎ᠠᠴᠠ ᠪᠣᠯᠵᠤ᠂ ᠭᠠᠵᠠᠷ ᠰᠢᠷᠣᠶ ᠵᠢᠨ ᠠᠰᠠᠭᠤᠳᠠᠯ᠎ᠨᠢ ᠮᠥᠨᠬᠦ ᠢᠷᠡᠭᠡᠳᠦᠶ ᠵᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠳᠤᠮᠳᠠᠬᠢ ᠨᠢᠭᠡᠨ ᠪᠦᠬᠦ ᠲᠠᠯ᠎ᠠ ᠵᠢᠨ ᠴᠢᠨᠠᠷᠲᠠᠢ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ᠂ ᠦᠨᠳᠦᠰᠦᠨ ᠴᠢᠨᠠᠷᠲᠠᠶ ᠴᠢᠬᠤᠯᠠ ᠶᠡᠬᠡ ᠠᠰᠠᠭᠤᠳᠠᠯ ᠪᠣᠯᠵᠤ᠂ ᠡᠯ᠎ᠡ ᠵᠦᠢ᠍ᠯ᠎ᠤᠨ ᠭᠠᠵᠠᠷ ᠰᠢᠷᠣᠶ ᠵᠢᠨ ᠠᠰᠠᠭᠤᠳᠠᠯ᠎ᠤᠨ ᠳᠣᠲᠣᠷ᠎ᠠ᠂ ᠬᠠᠮᠤᠭ᠎ᠤᠨ ᠦᠨᠳᠦᠰᠦᠨ᠂ ᠬᠠᠮᠤᠭ᠎ᠤᠨ ᠲᠤᠯᠭ᠋ᠠᠮ᠎ᠠ ᠪᠣᠯᠬᠤ᠎ᠨᠢ ᠳᠠᠷᠤᠢ ᠭᠠᠵᠠᠷ ᠰᠢᠷᠣᠶ ᠵᠢ ᠠᠰᠢᠭᠯᠠᠬᠤ ᠠᠷᠭ᠎ᠠ ᠮᠠᠶᠢᠭ᠎ᠢ ᠬᠤᠪᠢᠷᠠᠭᠤᠯᠵᠤ᠂ ᠭᠠᠵᠠᠷ ᠰᠢᠷᠣᠶ ᠵᠢ ᠠᠷᠪᠢᠲᠠᠶ ᠡᠷᠴᠢᠮᠯᠢᠭ ᠬᠡᠷᠡᠭᠯᠡᠬᠦ ᠵᠢ ᠳᠥᠯᠭᠢᠨ ᠠᠬᠢᠭᠤᠯᠬᠤ ᠶᠠᠪᠤᠳᠠᠯ ᠪᠣᠯᠣᠨ᠎ᠠ᠃
ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ ᠪᠣᠯᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠠᠴᠠ 《ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠵᠤ᠂ ᠡᠬᠢ ᠪᠠᠶᠠᠯᠢᠭ᠎ᠢ ᠠᠰᠢᠭᠯᠠᠬᠤ ᠠᠷᠭ᠎ᠠ ᠮᠠᠶᠢᠭ᠎ᠢ ᠦᠨᠳᠦᠰᠦᠨ᠎ᠠᠴᠠ᠎ᠨᠢ ᠬᠤᠪᠢᠷᠠᠭᠤᠯᠬᠤ ᠵᠢ ᠲᠦᠯᠬᠢᠨ ᠠᠬᠢᠭᠤᠯᠵᠤ》᠂ 《ᠭᠠᠵᠠᠷ ᠰᠢᠷᠣᠶ ᠵᠢ ᠠᠷᠪᠢᠲᠠᠶ ᠡᠷᠴᠢᠮᠯᠢᠭ ᠬᠡᠷᠡᠭᠯᠡᠬᠦ ᠳᠦᠷᠢᠮ》᠎ᠢ ᠪᠦᠷᠢᠨᠰᠢᠭᠦᠯᠬᠦ ᠬᠡᠷᠡᠭᠲᠡᠶ ᠭᠡᠵᠦ ᠳᠤᠷᠠᠳᠴᠠᠢ; ᠣᠶ᠋ᠢᠷ᠎ᠠ᠎ᠳᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠡ ᠵᠢᠨ ᠰᠠᠶᠢᠬᠠᠨ ᠳᠠᠷᠤᠮᠠᠯᠯᠠᠨ ᠲᠠᠷᠬᠠᠭ᠋ᠠᠭᠰᠠᠨ 《ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠲᠥᠷᠭᠡᠳᠬᠡᠨ ᠠᠬᠢᠭᠤᠯᠬᠤ ᠲᠤᠬᠠᠶ ᠰᠠᠨᠠᠯ》᠎ᠳᠤ 《ᠡᠬᠢ ᠪᠠᠶᠠᠯᠢᠭ᠎ᠢ ᠠᠷᠪᠢᠯᠠᠨ ᠭᠠᠮᠨᠠᠵᠤ ᠣᠷᠴᠢᠯᠳᠤᠭᠤᠯᠤᠨ ᠥᠨᠳᠥᠷ ᠪᠦᠲᠦᠮᠵᠢᠲᠡᠶ ᠬᠡᠷᠡᠭᠯᠡᠬᠦ ᠵᠢ ᠪᠥᠬᠦ ᠲᠠᠯ᠎ᠠ ᠵᠶ᠋ᠠᠷ ᠠᠬᠢᠭᠤᠯᠵᠤ᠂ ᠡᠬᠢ ᠪᠠᠶᠠᠯᠢᠭ᠎ᠢ ᠠᠰᠢᠭᠯᠠᠬᠤ ᠠᠷᠭ᠎ᠠ ᠮᠠᠶᠢᠭ᠎ᠢ ᠦᠨᠳᠦᠰᠦᠨ᠎ᠠᠴᠠ᠎ᠨᠢ ᠬᠤᠪᠢᠷᠠᠭᠤᠯᠬᠤ ᠵᠢ ᠲᠦᠯᠬᠢᠨ ᠠᠬᠢᠭᠤᠯᠵᠤ》᠂ 《ᠤᠰᠤ᠂ ᠭᠠᠵᠠᠷ ᠰᠢᠷᠣᠶ᠂ ᠠᠭᠤᠷᠬᠠᠶ ᠵᠢᠨ ᠭᠠᠷᠤᠯᠲᠠ ᠵᠡᠷᠭᠡ ᠡᠬᠢ ᠪᠠᠶᠠᠯᠢᠭ᠎ᠢ ᠠᠷᠪᠢᠲᠠᠶ ᠡᠷᠴᠢᠮᠯᠢᠭ ᠵᠶ᠋ᠠᠷ ᠠᠰᠢᠭᠯᠠᠬᠤ ᠬᠡᠷᠡᠭᠲᠡᠢ》 ᠭᠡᠵᠦ ᠴᠢᠬᠤᠯᠠᠴᠢᠯᠠᠨ ᠵᠢᠭ᠋ᠠᠵᠤ ᠭᠠᠷᠭ᠋ᠠᠵᠠᠶ᠃ ᠡᠳᠡᠭᠡᠷ ᠠᠯᠢ ᠣᠯᠠᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ᠎ᠨᠢ ᠭᠠᠵᠠᠷ ᠰᠢᠷᠣᠶ ᠵᠢ ᠠᠷᠪᠢᠲᠠᠶ ᠡᠷᠴᠢᠮᠯᠢᠭ ᠵᠶ᠋ᠠᠷ ᠬᠡᠷᠡᠭᠯᠡᠬᠦ ᠵᠢ ᠳᠥᠯᠭᠢᠨ ᠠᠬᠢᠭᠤᠯᠬᠤ ᠪᠣᠯ ᠠᠵᠤ ᠠᠬᠤᠶ ᠵᠢᠨ ᠬᠥᠭᠵᠢᠯᠲᠡ ᠵᠢᠨ ᠠᠷᠭ᠎ᠠ ᠮᠠᠶᠢᠭ᠎ᠢ ᠲᠥᠷᠬᠡᠨ ᠬᠤᠪᠢᠷᠠᠭᠤᠯᠵᠤ᠂ ᠠᠵᠤ ᠠᠬᠤᠶ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠵᠤ ᠳᠡᠰ ᠳᠡᠪᠰᠢᠭᠦᠯᠬᠦ ᠵᠢ ᠳᠥᠯᠭᠢᠨ ᠠᠬᠢᠭᠤᠯᠬᠤ ᠵᠠᠶ᠋ᠢᠯᠠᠰᠢ ᠦᠭᠡᠶ ᠰᠣᠩᠭᠣᠯᠲᠠ ᠮᠦᠨ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠶᠡᠬᠡᠪᠡᠷ ᠳᠥᠯᠭᠢᠨ ᠠᠬᠢᠭᠤᠯᠵᠤ᠂ ᠠᠵᠤ ᠠᠬᠤᠶ ᠨᠡᠶ᠋ᠢᠭᠡᠮ᠎ᠤᠨ ᠠᠯᠤᠰ ᠬᠡᠳᠦ ᠵᠢᠨ ᠦᠷᠭᠦᠯᠵᠢᠯᠡᠬᠦ ᠬᠥᠭᠵᠢᠯᠲᠡ ᠵᠢ ᠪᠠᠲᠤᠯᠠᠬᠤ ᠵᠠᠶ᠋ᠢᠯᠠᠰᠢ ᠦᠭᠡᠶ ᠶᠠᠪᠤᠬᠤ ᠵᠠᠮ ᠮᠥᠨ ᠭᠡᠰᠡᠨ᠎ᠢ ᠢᠯᠡᠷᠡᠭᠦᠯᠵᠡᠢ᠃ ᠬᠣᠯᠪᠣᠭᠳᠠᠯ ᠪᠦᠬᠦᠢ ᠪᠠᠶ᠋ᠢᠳᠠᠯ᠎ᠢ ᠭᠦᠨᠵᠡᠭᠡᠶ ᠣᠶ᠋ᠢᠯᠠᠭ᠋ᠠᠬᠤ ᠵᠢᠨ ᠲᠥᠯᠥᠭᠡ᠂ ᠥᠨᠥᠳᠦᠷ ᠪᠢᠳᠡ ᠠᠵᠠ᠎ᠲᠠᠢ᠎ᠪᠠᠷ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠲᠢᠩᠬᠢᠮ᠎ᠤᠨ ᠳᠡᠳ᠋ ᠲᠣᠭᠣᠷᠢᠨ ᠪᠠᠶ᠋ᠢᠴᠠᠭ᠋ᠠᠭᠴᠢ ᠵᠣᠣ ᠳ᠋ᠠ ᠶᠥᠩ ᠵᠢ ᠤᠷᠢᠵᠤ ᠲᠡᠭᠦᠨ ᠵᠶ᠋ᠠᠷ ᠨᠠᠷᠢᠨ ᠲᠤᠲᠤᠷᠬᠠᠢ ᠲᠠᠢ᠌ᠯᠪᠤᠷᠢᠯᠠᠯᠲᠠ ᠬᠢᠯᠬᠡᠬᠦ ᠪᠤᠯᠤᠨ᠎ᠠ᠂ ᠰᠦᠯᠵᠢᠶᠠᠨ ᠠᠨᠳᠠ ᠨᠠᠷ ᠮᠠᠨ᠎ᠤ ᠰᠤᠷᠪᠤᠯᠵᠢᠯᠠᠨ ᠶᠠᠷᠢᠯᠴᠠᠬᠤ ᠪᠤᠯᠤᠨᠭ᠌᠎ᠳᠤ ᠢᠳᠡᠪᠬᠢᠲᠠᠢ ᠤᠷᠤᠯᠴᠠᠬᠤ ᠪᠤᠯᠪᠠᠤ᠃ ᠵᠣᠣ ᠲᠢᠨᠭᠬᠢᠮ᠎ᠤᠨ ᠳᠠᠷᠤᠭ᠎ᠠ ᠵᠢ ᠪᠠᠶᠠᠷᠯᠠᠨ ᠤᠭᠲᠤᠶ᠎ᠠ!᠂
[ᠵᠣᠣ ᠳ᠋ᠠ ᠶᠥᠩ] ᠬᠦᠲᠦᠯᠦᠭᠴᠢ ᠰᠠᠢ᠌ᠨ ᠤᠤ᠂ ᠰᠦᠯᠵᠢᠶᠠᠨ ᠠᠨᠳᠠ ᠨᠠᠷ᠎ᠲᠤ ᠠᠮᠤᠷ ᠠᠢ᠌ᠯᠠᠳᠬᠠᠶᠠ! 《ᠰᠦᠯᠵᠢᠶᠠᠨ ᠰᠤᠷᠪᠤᠯᠵᠢᠯᠠᠭ᠎ᠠ》 ᠲᠠᠪᠴᠠᠨᠭ᠌ ᠵᠶ᠋ᠠᠷ ᠲᠠ ᠪᠦᠬᠦᠨ᠎ᠲᠠᠢ ᠶᠠᠷᠢᠯᠴᠠᠬᠤ ᠪᠤᠯᠤᠭᠰᠠᠨ᠎ᠳᠠᠭᠠᠨ ᠰᠡᠳᠬᠢᠯ ᠮᠠᠰᠢ ᠦᠨᠳᠦᠷ ᠪᠠᠢ᠌ᠨ᠎ᠠ᠃ ᠦᠷᠭᠡᠨ ᠤᠯᠠᠨ ᠰᠦᠯᠵᠢᠶᠠᠨ ᠠᠨᠳᠠ ᠨᠠᠷ ᠮᠠᠨ᠎ᠤ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠰᠠᠯᠠᠭ᠎ᠠ ᠮᠦᠴᠢᠷ᠎ᠤᠨ ᠡᠯ᠎ᠡ ᠵᠦᠢ᠍ᠯ᠎ᠤᠨ ᠠᠵᠢᠯ᠎ᠳᠤ ᠰᠡᠳᠬᠢᠯ ᠲᠠᠯᠪᠢᠵᠤ ᠳᠡᠮᠵᠢᠭᠰᠡᠭᠡᠷ ᠢᠷᠡᠭᠰᠡᠨ᠎ᠳᠤ ᠲᠠᠯᠠᠷᠬᠠᠯ ᠵᠶ᠋ᠠᠨ ᠳᠡᠪᠰᠢᠬᠦᠯᠦᠶ᠎ᠡ!
[ᠬᠦᠲᠦᠯᠦᠭᠴᠢ] ᠵᠣᠣ ᠲᠢᠨᠭᠬᠢᠮ᠎ᠤᠨ ᠳᠠᠷᠤᠭ᠎ᠠ ᠡ᠂ ᠲᠠ ᠶᠠᠭᠤᠨ᠎ᠤ ᠡᠮᠦᠨ᠎ᠡ ᠪᠢᠳᠡᠨ᠎ᠳᠤ ᠭᠠᠵᠠᠷ ᠰᠢᠷᠣᠶ ᠵᠢ ᠠᠷᠪᠢᠲᠠᠶ ᠡᠷᠴᠢᠮᠯᠢᠭ ᠠᠰᠢᠭᠯᠠᠬᠤ ᠭᠡᠳᠡᠭ᠎ᠨᠢ ᠶᠠᠭᠤ ᠪᠤᠯᠬᠤ ᠵᠢ ᠨᠠᠷᠢᠨ ᠲᠠᠢ᠌ᠯᠪᠤᠷᠢᠯᠠᠭ᠋ᠠᠳ ᠦᠭᠭᠦᠨ᠎ᠡ ᠤᠤ?
[ᠵᠣᠣ ᠳ᠋ᠠ ᠶᠥᠩ] ᠵᠠ ᠲᠡᠭᠡᠶ᠎ᠡ᠃ ᠭᠠᠵᠠᠷ ᠰᠢᠷᠣᠶ ᠵᠢ ᠠᠷᠪᠢᠲᠠᠶ ᠡᠷᠴᠢᠮᠯᠢᠭ ᠠᠰᠢᠭᠯᠠᠬᠤ ᠭᠡᠳᠡᠭ᠎ᠨᠢ ᠳᠠᠷᠤᠢ ᠬᠡᠪᠴᠢᠶ᠎ᠡ᠎ᠪᠠᠷ ᠬᠥᠲᠥᠯᠥᠨ ᠵᠢᠯᠤᠭᠤᠳᠬᠤ᠂ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠬᠦ᠂ ᠪᠠᠷᠢᠮᠵᠢᠶ᠎ᠠ ᠡᠵᠡᠮᠳᠡᠬᠦ᠂ ᠵᠠᠬ᠎ᠠ ᠳᠡᠯᠭᠡᠭᠦᠷ ᠵᠶ᠋ᠠᠷ ᠲᠣᠬᠢᠷᠠᠭᠤᠯᠬᠤ᠂ ᠠᠮᠢᠳᠤᠯᠢᠭ ᠠᠰᠢᠭᠯᠠᠬᠤ ᠵᠡᠷᠭᠡ ᠠᠷᠭ᠎ᠠ ᠪᠠᠷᠢᠯ ᠵᠶ᠋ᠠᠷ ᠳᠠᠮᠵᠢᠭᠤᠯᠤᠨ᠂ ᠭᠠᠵᠠᠷ ᠰᠢᠷᠣᠶ ᠵᠢ ᠠᠷᠪᠢᠯᠠᠨ ᠭᠠᠮᠨᠠᠬᠤ᠂ ᠬᠡᠮᠵᠢᠶ᠎ᠡ ᠵᠢ ᠪᠠᠭ᠋ᠠᠰᠬᠠᠬᠤ ᠭᠠᠵᠠᠷ ᠰᠢᠷᠤᠢ ᠵᠢ ᠬᠡᠷᠡᠭᠯᠡᠬᠦ᠂ ᠭᠠᠵᠠᠷ ᠰᠢᠷᠤᠢ ᠵᠢ ᠬᠡᠷᠡᠭᠯᠡᠬᠦ ᠡᠷᠴᠢᠮ᠎ᠢ ᠴᠢᠨᠭ᠌ᠭ᠋ᠠᠯᠠᠬᠤ᠂ ᠠᠰᠢᠭᠯᠠᠮᠵᠢ ᠮᠠᠭᠤᠲᠠᠢ ᠬᠠᠶᠠᠭᠳᠠᠮᠠᠯ ᠭᠠᠵᠠᠷ᠎ᠢ ᠳᠠᠬᠢᠨ ᠠᠰᠢᠭᠯᠠᠬᠤ ᠵᠢ ᠠᠬᠢᠭᠤᠯᠬᠤ᠂ ᠭᠠᠵᠠᠷ ᠰᠢᠷᠣᠶ ᠵᠢ ᠠᠰᠢᠭᠯᠠᠬᠤ ᠪᠦᠲᠦᠴᠡ ᠪᠣᠯᠣᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠬᠦ᠂ ᠭᠠᠵᠠᠷ ᠰᠢᠷᠣᠶ ᠵᠢ ᠠᠰᠢᠭᠯᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠡᠯ᠎ᠡ ᠵᠦᠢ᠍ᠯ᠎ᠤᠨ ᠦᠢ᠍ᠯᠡ ᠠᠵᠢᠯᠯᠠᠭ᠎ᠠ ᠬᠢᠭᠡᠳ ᠠᠵᠢᠯᠯᠠᠭ᠎ᠠ ᠵᠢ ᠵᠢᠭ᠋ᠠᠵᠤ ᠪᠣᠢ; ᠪᠠᠰᠠ ᠴᠤ᠌ ᠭᠠᠵᠠᠷ ᠰᠢᠷᠣᠶ ᠵᠢ ᠮᠠᠰᠢ ᠨᠠᠨᠳᠢᠨᠭ᠌ᠨᠠᠨ ᠵᠦᠶ ᠵᠣᠬᠢᠰᠲᠠᠶ ᠠᠰᠢᠭᠯᠠᠬᠤ ᠪᠠ ᠲᠠᠷᠢᠶᠠᠨ ᠭᠠᠵᠠᠷ᠎ᠢ ᠦᠨᠡᠨ ᠬᠦ᠌ ᠬᠠᠮᠠᠭ᠋ᠠᠯᠠᠬᠤ ᠤᠯᠤᠰ᠎ᠤᠨ ᠦᠨᠳᠦᠰᠦᠨ ᠲᠥᠷᠥ ᠵᠢᠨ ᠪᠣᠳᠣᠯᠭ᠎ᠠ ᠵᠢ ᠲᠤᠤᠱᠯᠠᠭᠤᠯᠤᠨ᠂ ᠲᠠᠷᠢᠶᠠᠨ ᠭᠠᠵᠠᠷ᠎ᠢ ᠬᠠᠮᠠᠭ᠋ᠠᠯᠠᠬᠤ ᠪᠠ ᠭᠠᠵᠠᠷ ᠰᠢᠷᠣᠶ ᠵᠢ ᠠᠷᠪᠢᠲᠠᠶ ᠡᠷᠴᠢᠮᠯᠢᠭ ᠬᠡᠷᠡᠭᠯᠡᠬᠦ ᠬᠠᠮᠤᠭ᠎ᠤᠨ ᠴᠢᠩᠭ᠎ᠠ ᠳᠦᠷᠢᠮ᠎ᠢ ᠨᠠᠢ᠌ᠳᠠᠪᠤᠷᠢᠵᠢᠭᠤᠯᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠭᠠᠵᠠᠷ ᠰᠢᠷᠣᠶ ᠵᠢᠨ ᠡᠬᠢ ᠪᠠᠶᠠᠯᠢᠭ᠎ᠤᠨ ᠳᠠᠭ᠋ᠠᠭ᠋ᠠᠬᠤ ᠴᠢᠳᠠᠪᠤᠷᠢ ᠵᠢ ᠳᠡᠭᠡᠭᠰᠢᠯᠡᠭᠦᠯᠦᠨ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ ᠦᠨᠳᠦᠰᠦᠨ ᠠᠷᠭ᠎ᠠ ᠵᠠᠮ ᠮᠥᠨ᠃ ᠭᠠᠵᠠᠷ ᠰᠢᠷᠣᠶ ᠵᠢ ᠠᠷᠪᠢᠲᠠᠶ ᠡᠷᠴᠢᠮᠯᠢᠭ ᠠᠰᠢᠭᠯᠠᠬᠤ᠎ᠳᠤ ᠭᠣᠣᠯᠳᠠᠭᠤ ᠭᠤᠷᠪᠠᠨ ᠳᠡᠰ ᠳᠠᠪᠬᠤᠷᠭ᠎ᠠ ᠵᠢᠨ ᠠᠭᠤᠯᠭ᠎ᠠ ᠪᠠᠭᠲᠠᠵᠤ ᠪᠤᠶ᠄ ᠨᠢᠭᠡ᠎ᠳᠤ ᠭᠠᠵᠠᠷ ᠰᠢᠷᠣᠶ ᠵᠢ ᠠᠷᠪᠢᠯᠠᠨ ᠬᠡᠷᠡᠭᠯᠡᠬᠦ᠂ ᠳᠠᠷᠤᠶ ᠡᠯ᠎ᠡ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠎ᠳᠤ ᠴᠥᠮ ᠠᠯᠢ ᠴᠢᠳᠠᠬᠤ᠎ᠪᠠᠷ ᠭᠠᠵᠠᠷ ᠰᠢᠷᠣᠶ ᠵᠢ ᠠᠷᠪᠢᠯᠠᠨ ᠬᠡᠷᠡᠭᠯᠡᠵᠦ᠂ ᠠᠷᠭ᠎ᠠ ᠪᠦᠬᠦᠨ᠎ᠢ ᠰᠦᠪᠡᠭᠴᠢᠯᠡᠵᠦ ᠪᠠᠶ᠋ᠢᠭ᠋ᠠᠳ ᠲᠠᠷᠢᠶᠠᠨ ᠭᠠᠵᠠᠷ᠎ᠢ ᠡᠵᠡᠯᠡᠬᠦ ᠦᠭᠡᠶ ᠪᠤᠶᠤ ᠪᠠᠭ᠎ᠠ ᠡᠵᠡᠯᠡᠬᠦ ᠬᠡᠷᠡᠭᠲᠡᠶ; ᠬᠣᠶᠠᠷ᠎ᠲᠤ ᠭᠠᠵᠠᠷ ᠰᠢᠷᠣᠶ ᠵᠢ ᠡᠷᠴᠢᠮᠯᠢᠭ ᠬᠡᠷᠡᠭᠯᠡᠬᠦ᠎ᠳᠤ ᠪᠦᠲᠦᠭᠡᠨ ᠪᠠᠶ᠋ᠢᠭᠤᠯᠤᠯᠲᠠ ᠪᠥᠬᠦᠨ᠎ᠳᠤ ᠬᠡᠷᠡᠭᠯᠡᠬᠦ ᠭᠠᠵᠠᠷ᠎ᠤᠨ ᠣᠷᠣᠭᠤᠯᠤᠯᠲᠠ ᠭᠠᠷᠭ᠋ᠠᠯᠲᠠ ᠵᠢᠨ ᠡᠷᠴᠢᠮ ᠵᠶ᠋ᠠᠨ ᠴᠢᠨᠭ᠌ᠭ᠋ᠠᠯᠠᠵᠤ᠂ ᠭᠠᠵᠠᠷ ᠰᠢᠷᠣᠶ ᠵᠢᠨ ᠠᠰᠢᠭᠯᠠᠯᠲᠠ ᠵᠢ ᠡᠷᠴᠢᠮᠵᠢᠭᠦᠯᠬᠦ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ; ᠭᠤᠷᠪᠠ᠎ᠳᠤ ᠡᠮᠬᠢᠯᠡᠨ ᠨᠡᠢ᠌ᠯᠡᠭᠦᠯᠬᠦ᠂ ᠰᠣᠯᠢᠬᠤ᠂ ᠨᠥᠭᠡᠴᠡᠯᠡᠬᠦ᠂ ᠲᠥᠯᠥᠪᠵᠢᠭᠦᠯᠬᠦ᠂ ᠲᠥᠯᠥᠪᠯᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠭᠠᠵᠠᠷ ᠰᠢᠷᠣᠶ ᠵᠢ ᠬᠡᠷᠡᠭᠯᠡᠭᠦᠯᠬᠦ ᠲᠣᠭ᠎ᠠ ᠬᠡᠮᠵᠢᠶ᠎ᠡ ᠪᠣᠯᠣᠨ ᠬᠥᠭ ᠠᠢ᠌ᠵᠢᠮᠢ ᠵᠦᠶ ᠵᠣᠬᠢᠰᠲᠠᠶ ᠲᠣᠬᠢᠷᠠᠭᠤᠯᠵᠤ᠂ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠪᠦᠲᠦᠴᠡ ᠪᠣᠯᠣᠨ ᠪᠠᠢ᠌ᠷᠢᠰᠢᠭᠤᠯᠤᠯᠲᠠ ᠵᠢ ᠰᠠᠢ᠌ᠵᠢᠷᠠᠭᠤᠯᠤᠨ᠂ ᠭᠠᠵᠠᠷ ᠬᠡᠷᠡᠭᠯᠡᠬᠦ ᠳᠠᠯᠳᠠ ᠬᠦᠴᠦᠨ᠎ᠢ ᠠᠭᠤᠳᠠᠯᠵᠤ᠂ ᠭᠠᠵᠠᠷ ᠰᠢᠷᠣᠶ ᠵᠢᠨ ᠲᠣᠬᠢᠷᠠᠭᠤᠯᠤᠯᠲᠠ ᠪᠣᠯᠣᠨ ᠠᠰᠢᠭᠯᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ᠃
[ᠬᠦᠲᠦᠯᠦᠭᠴᠢ] ᠪᠢᠳᠡ ᠭᠠᠵᠠᠷ ᠰᠢᠷᠣᠶ ᠵᠢ ᠠᠰᠢᠭᠯᠠᠬᠤ ᠪᠠ ᠬᠠᠮᠢᠶᠠᠷᠬᠤ ᠳᠤᠮᠳᠠ ᠶᠠᠮᠠᠷ ᠵᠠᠷᠴᠢᠮ᠎ᠢ ᠪᠠᠷᠢᠮᠲᠠᠯᠠᠬᠤ ᠪᠤᠶ?
[ᠵᠣᠣ ᠳ᠋ᠠ ᠶᠥᠩ] ᠭᠠᠵᠠᠷ ᠰᠢᠷᠣᠶ ᠵᠢᠨ ᠡᠬᠢ ᠪᠠᠶᠠᠯᠢᠭ᠎ᠢ ᠠᠰᠢᠭᠯᠠᠬᠤ ᠪᠠ ᠬᠠᠮᠢᠶᠠᠷᠬᠤ᠎ᠳᠤ ᠵᠢᠷᠤᠮᠯᠠᠬᠤ ᠦᠨᠳᠦᠰᠦᠨ ᠵᠠᠷᠴᠢᠮ ᠭᠡᠪᠡᠯ᠄ ᠨᠢᠭᠡ᠎ᠳᠤ ᠠᠷᠪᠢᠯᠠᠨ ᠭᠠᠮᠨᠠᠬᠤ ᠵᠢ ᠲᠡᠷᠢᠭᠦᠨ᠎ᠳᠤ ᠲᠠᠯᠪᠢᠬᠤ ᠵᠠᠷᠴᠢᠮ᠎ᠢ ᠪᠠᠷᠢᠮᠲᠠᠯᠠᠵᠤ᠂ ᠡᠯ᠎ᠡ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠎ᠳᠤ ᠭᠠᠵᠠᠷ ᠪᠠᠭ᠎ᠠ ᠡᠵᠡᠯᠡᠬᠦ᠂ ᠲᠠᠷᠢᠶᠠᠨ ᠭᠠᠵᠠᠷ᠎ᠢ ᠴᠥᠭᠡᠨ ᠡᠵᠡᠯᠡᠬᠦ ᠪᠣᠶᠤ ᠡᠵᠡᠯᠡᠬᠦ ᠦᠭᠡᠶ ᠪᠠᠢ᠌ᠵᠤ᠂ ᠢᠮᠠᠬᠤ ᠵᠢᠨ ᠲᠡᠳᠦᠶ ᠭᠠᠵᠠᠷ ᠰᠢᠷᠣᠶ ᠵᠢ ᠴᠦ᠍ ᠨᠠᠨᠳᠢᠩᠨᠠᠨ ᠬᠠᠶ᠋ᠢᠷᠠᠯᠠᠵᠤ ᠵᠦᠶ ᠵᠣᠬᠢᠰᠲᠠᠶ ᠠᠰᠢᠭᠯᠠᠬᠤ ᠬᠡᠷᠡᠭᠲᠡᠢ; ᠬᠣᠶᠠᠷ᠎ᠲᠤ ᠵᠦᠶ ᠵᠣᠬᠢᠰᠲᠠᠶ ᠬᠡᠷᠡᠭᠯᠡᠬᠦ ᠵᠠᠷᠴᠢᠮ᠎ᠢ ᠪᠠᠷᠢᠮᠲᠠᠯᠠᠵᠤ᠂ ᠭᠠᠵᠠᠷ ᠰᠢᠷᠣᠶ ᠵᠢᠨ ᠡᠬᠢ ᠪᠠᠶᠠᠯᠢᠭ᠎ᠤᠨ ᠬᠠᠳᠠᠭ᠋ᠠᠯᠠᠯᠲᠠ ᠵᠢᠨ ᠬᠡᠮᠵᠢᠶ᠎ᠡ ᠵᠢ ᠠᠮᠢᠳᠤᠯᠢᠭᠵᠢᠭᠤᠯᠤᠨ᠂ ᠤᠯᠤᠰ᠎ᠤᠨ ᠡᠬᠢ ᠪᠠᠶᠠᠯᠢᠭ᠎ᠤᠨ ᠪᠠᠶ᠋ᠢᠳᠠᠯ᠎ᠳᠤ ᠨᠡᠶ᠋ᠢᠴᠡᠭᠰᠡᠨ ᠬᠣᠲᠠ ᠬᠥᠳᠡᠭᠡ ᠵᠢᠨ ᠭᠠᠵᠠᠷ ᠰᠢᠷᠣᠶ ᠵᠢ ᠠᠰᠢᠭᠯᠠᠬᠤ ᠰᠢᠨ᠎ᠡ ᠪᠠᠶ᠋ᠢᠷᠢᠰᠢᠯ᠎ᠢ ᠪᠠᠢ᠌ᠭᠤᠯᠬᠤ ᠬᠡᠷᠡᠭᠲᠡᠢ; ᠭᠤᠷᠪᠠ᠎ᠳᠤ ᠵᠠᠬ᠎ᠠ ᠳᠡᠯᠭᠡᠭᠦᠷ ᠵᠶ᠋ᠠᠷ ᠲᠣᠬᠢᠷᠠᠭᠤᠯᠬᠤ ᠵᠠᠷᠴᠢᠮ᠎ᠢ ᠪᠠᠷᠢᠮᠲᠠᠯᠠᠵᠤ᠂ ᠵᠠᠰᠠᠭ᠎ᠤᠨ ᠣᠷᠳᠣᠨ ᠪᠣᠯᠣᠨ ᠵᠠᠬ᠎ᠠ ᠳᠡᠯᠭᠡᠭᠦᠷ᠎ᠤᠨ ᠬᠠᠷᠢᠴᠠᠭ᠎ᠠ ᠵᠢ ᠲᠣᠬᠢᠲᠠᠶ ᠰᠠᠶ᠋ᠢᠲᠤᠷ ᠰᠢᠢ᠍ᠳᠪᠦᠷᠢᠯᠡᠵᠦ᠂ ᠭᠠᠵᠠᠷ ᠰᠢᠷᠣᠶ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ᠎ᠤᠨ ᠰᠢᠢ᠍ᠳᠪᠦᠷᠢᠯᠡᠬᠦ ᠴᠢᠨᠠᠷᠲᠠᠶ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ; ᠳᠥᠷᠪᠡ᠎ᠳᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠠᠷᠴᠢᠮ᠎ᠢ ᠪᠠᠷᠢᠮᠲᠠᠯᠠᠵᠤ᠂ ᠭᠠᠵᠠᠷ ᠰᠢᠷᠣᠶ ᠵᠢᠨ ᠬᠠᠮᠢᠶᠠᠷᠤᠯᠲᠠ ᠵᠢᠨ ᠰᠢᠨ᠎ᠡ ᠲᠣᠭᠲᠠᠴᠠ ᠵᠢ ᠬᠠᠶ᠋ᠢᠨ ᠰᠦᠪᠡᠭᠴᠢᠯᠡᠵᠦ᠂ ᠭᠠᠵᠠᠷ ᠰᠢᠷᠣᠶ ᠵᠢ ᠠᠷᠪᠢᠲᠠᠶ ᠡᠷᠴᠢᠮᠯᠢᠭ ᠬᠡᠷᠡᠭᠯᠡᠬᠦ ᠰᠢᠨ᠎ᠡ ᠵᠠᠭᠪᠤᠷ᠎ᠢ ᠡᠭᠦᠳᠬᠦ ᠬᠡᠷᠡᠭᠲᠡᠢ᠃
[ᠬᠦᠲᠦᠯᠦᠭᠴᠢ] ᠭᠠᠵᠠᠷ ᠰᠢᠷᠣᠶ ᠵᠢ ᠠᠷᠪᠢᠲᠠᠶ ᠡᠷᠴᠢᠮᠯᠢᠭ ᠬᠡᠷᠡᠭᠯᠡᠬᠦ᠎ᠨᠢ ᠶᠠᠮᠠᠷ ᠠᠴᠢ ᠬᠣᠯᠪᠣᠭᠳᠠᠯ᠎ᠲᠠᠢ ᠪᠤᠶ?
[ᠵᠣᠣ ᠳ᠋ᠠ ᠶᠥᠩ] ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠭᠠᠵᠠᠷ ᠰᠢᠷᠣᠶ ᠵᠢ ᠠᠷᠪᠢᠲᠠᠶ ᠡᠷᠴᠢᠮᠯᠢᠭ ᠬᠡᠷᠡᠭᠯᠡᠬᠦ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠡᠬᠢ ᠪᠠᠶᠠᠯᠢᠭ᠎ᠢ ᠠᠷᠪᠢᠯᠠᠬᠤ ᠵᠢ ᠤᠯᠤᠰ᠎ᠤᠨ ᠦᠨᠳᠦᠰᠦᠨ ᠪᠣᠳᠣᠯᠭ᠎ᠠ ᠪᠣᠯᠣᠨ ᠲᠡᠷᠢᠭᠦᠨ᠎ᠤ ᠪᠠᠶ᠋ᠢᠯᠳᠤᠬᠤ ᠪᠣᠳᠣᠯᠭ᠎ᠠ ᠪᠣᠯᠭ᠋ᠠᠨ ᠲᠣᠭᠲᠠᠭ᠋ᠠᠪᠠ᠃ ᠲᠥᠪ᠎ᠤᠨ ᠬᠣᠲᠠ ᠪᠠᠯᠭ᠋ᠠᠰᠤᠵᠢᠯᠲᠠ ᠵᠢᠨ ᠠᠵᠢᠯ᠎ᠤᠨ ᠬᠤᠷᠠᠯᠳᠤᠭ᠋ᠠᠨ ᠳᠡᠭᠡᠷ᠎ᠡ᠂ ᠶᠡᠷᠦᠩᠬᠡᠶ ᠱᠦᠵᠢ ᠰᠢ ᠵᠢᠨ ᠫᠢᠩ ᠬᠣᠲᠠ ᠪᠠᠯᠭ᠋ᠠᠰᠤᠨ᠎ᠤ ᠪᠦᠲᠦᠭᠡᠨ ᠪᠠᠶ᠋ᠢᠭᠤᠯᠤᠯᠲᠠ᠎ᠳᠤ ᠭᠠᠵᠠᠷ ᠰᠢᠷᠣᠶ ᠵᠢ ᠠᠷᠪᠢᠲᠠᠶ ᠡᠷᠴᠢᠮᠯᠢᠭ ᠠᠰᠢᠭᠯᠠᠬᠤ ᠠᠰᠠᠭᠤᠳᠠᠯ᠎ᠢ ᠨᠠᠷᠢᠨ ᠦᠭᠦᠯᠡᠵᠦ᠂ ᠨᠠᠭ᠋ᠠᠳᠤ ᠵᠠᠬ᠎ᠠ ᠵᠢᠨ ᠬᠣᠷᠢᠭ᠎ᠠ ᠱᠤᠭᠤᠮ᠎ᠢ ᠴᠢᠩᠭ᠎ᠠ ᠰᠠᠬᠢᠬᠤ᠂ ᠪᠦᠲᠦᠴᠡ ᠵᠢ ᠲᠣᠬᠢᠷᠠᠭᠤᠯᠬᠤ᠂ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠰᠡᠳᠬᠢᠴᠡ᠎ᠪᠠᠷ ᠬᠡᠮᠵᠢᠶ᠎ᠡ ᠨᠡᠮᠡᠭᠳᠡᠭᠦᠯᠬᠦ ᠵᠢ ᠴᠢᠩᠭ᠎ᠠ ᠬᠢᠵᠠᠭ᠋ᠠᠷᠯᠠᠵᠤ᠂ ᠬᠠᠳᠠᠭ᠋ᠠᠯᠠᠯᠲᠠ ᠵᠢ ᠠᠮᠢᠳᠤᠯᠢᠭᠵᠢᠭᠤᠯᠵᠤ᠂ ᠪᠦᠲᠦᠴᠡ ᠵᠢ ᠰᠢᠯᠢᠳᠡᠭᠵᠢᠭᠦᠯᠵᠦ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ ᠭᠡᠵᠦ ᠲᠣᠳᠣᠷᠬᠠᠶ ᠳᠤᠷᠠᠳᠪᠠ᠃ ᠯᠢ ᠺᠸ ᠴᠢᠶᠠᠩ ᠶᠡᠷᠦᠩᠬᠡᠶ ᠰᠠᠶ᠋ᠢᠳ ᠪᠠᠰᠠ ᠴᠢᠬᠤᠯᠠᠴᠢᠯᠠᠭᠰᠠᠨ᠎ᠨᠢ᠂ ᠬᠥᠭᠵᠢᠭᠦᠯᠬᠦ ᠪᠣᠯ ᠬᠠᠲᠠᠭᠤ ᠶᠣᠰᠣ᠂ ᠠᠷᠪᠢᠯᠠᠨ ᠭᠠᠮᠨᠠᠬᠤ ᠪᠣᠯ ᠶᠡᠬᠡ ᠪᠠᠶ᠋ᠢᠯᠳᠤᠬᠤ ᠪᠣᠳᠣᠯᠭ᠎ᠠ ᠮᠦᠨ᠂ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠎ᠳᠤ ᠭᠠᠵᠠᠷ ᠰᠢᠷᠣᠶ ᠵᠢ ᠠᠷᠪᠢᠲᠠᠶ ᠡᠷᠴᠢᠮᠯᠢᠭ ᠬᠡᠷᠡᠭᠯᠡᠵᠦ᠂ ᠰᠠᠢ᠌ᠨ ᠲᠠᠷᠢᠶ᠎ᠡ ᠵᠢ ᠠᠯᠢ ᠴᠢᠳᠠᠬᠤ᠎ᠪᠠᠷ ᠪᠠᠭ᠎ᠠ ᠡᠵᠡᠯᠡᠬᠦ ᠪᠤᠶᠤ ᠡᠵᠡᠯᠡᠬᠦ ᠦᠭᠡᠶ ᠪᠠᠢ᠌ᠬᠤ ᠬᠡᠷᠡᠭᠲᠡᠢ ᠭᠡᠵᠡᠢ᠃
ᠭᠠᠵᠠᠷ ᠰᠢᠷᠣᠶ ᠪᠣᠯᠤᠨ ᠡᠬᠢ ᠪᠠᠶᠠᠯᠢᠭ ᠪᠣᠯ ᠬᠥᠭᠵᠢᠯᠲᠡ ᠵᠢᠨ ᠦᠨᠳᠦᠰᠦ ᠮᠥᠨ᠂ ᠠᠷᠪᠢᠲᠠᠶ ᠡᠷᠴᠢᠮᠯᠢᠭ ᠬᠡᠷᠡᠭᠯᠡᠬᠦ ᠪᠣᠯ ᠦᠷᠭᠦᠯᠵᠢᠯᠡᠬᠦ ᠬᠥᠭᠵᠢᠯᠲᠡ ᠵᠢᠨ ᠰᠠᠭᠤᠷᠢ ᠮᠦᠨ᠂ ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠦᠨᠳᠦᠰᠦᠨ ᠠᠷᠭ᠎ᠠ ᠪᠣᠳᠣᠯᠭ᠎ᠠ ᠮᠦᠨ ᠪᠥᠭᠡᠳ᠂ ᠮᠠᠨ᠎ᠤ ᠤᠯᠤᠰ᠎ᠤᠨ ᠨᠡᠶ᠋ᠢᠭᠡᠮ᠂ ᠠᠵᠤ ᠠᠬᠤᠶ᠂ ᠠᠮᠢ ᠠᠬᠤᠶ᠂ ᠣᠷᠴᠢᠨ ᠲᠣᠭᠣᠷᠢᠨ᠎ᠤ ᠣᠯᠠᠨ ᠲᠠᠯ᠎ᠠ᠎ᠳᠤ ᠬᠣᠯᠪᠣᠭᠳᠠᠵᠤ ᠪᠠᠶ᠋ᠢᠳᠠᠭ᠃ ᠪᠣᠳᠠᠲᠠᠶ᠎ᠪᠠᠷ ᠬᠡᠯᠡᠪᠡᠯ᠂ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ᠎ᠨᠢ ᠠᠷᠪᠢᠯᠠᠨ ᠭᠠᠮᠨᠠᠬᠤ ᠪᠠ ᠬᠣᠷᠣᠭᠳᠠᠯ᠎ᠢ ᠪᠠᠭ᠋ᠠᠰᠬᠠᠬᠤ᠎ᠳᠤ ᠠᠰᠢᠭᠲᠠᠢᠪᠠᠷ ᠪᠠᠷᠠᠬᠤ ᠦᠭᠡᠶ ᠪᠠᠰᠠ ᠬᠥᠭᠵᠢᠭᠦᠯᠬᠦ ᠪᠠ ᠦᠷ᠎ᠡ ᠠᠰᠢᠭ᠎ᠢ ᠨᠡᠮᠡᠭᠳᠡᠭᠦᠯᠬᠦ᠎ᠳᠤ ᠠᠰᠢᠭᠲᠠᠶ ᠪᠠᠢ᠌ᠵᠤ᠂ ᠠᠵᠤ ᠠᠬᠤᠶ ᠵᠢᠨ ᠬᠥᠭᠵᠢᠯᠲᠡ ᠵᠢᠨ ᠠᠷᠭ᠎ᠠ ᠮᠠᠶᠢᠭ᠎ᠢ ᠲᠥᠷᠬᠡᠨ ᠬᠤᠪᠢᠷᠠᠭᠤᠯᠬᠤ ᠪᠠ ᠠᠵᠤ ᠠᠬᠤᠶ ᠵᠢᠨ ᠪᠦᠲᠦᠴᠡ ᠵᠢᠨ ᠲᠣᠬᠢᠷᠠᠭᠤᠯᠤᠯᠲᠠ ᠵᠢ ᠳᠥᠯᠭᠢᠨ ᠠᠬᠢᠭᠤᠯᠬᠤ ᠴᠢᠬᠤᠯᠠ ᠶᠡᠬᠡ ᠡᠭᠦᠷᠭᠡ ᠮᠦᠨ᠂ ᠠᠵᠤ ᠠᠬᠤᠶ ᠵᠢᠨ ᠤᠷᠲᠤ ᠬᠤᠭᠤᠴᠠᠭ᠎ᠠ᠎ᠪᠠᠷ ᠲᠣᠭᠲᠠᠭᠤᠨ ᠪᠥᠭᠡᠳ ᠨᠡᠯᠢᠶᠡᠳ ᠲᠦᠷᠭᠡᠨ ᠬᠥᠭᠵᠢᠬᠦ ᠵᠢ ᠪᠠᠲᠤᠯᠠᠬᠤ ᠴᠢᠬᠤᠯᠠ ᠶᠡᠬᠡ ᠠᠷᠭ᠎ᠠ ᠬᠡᠮᠵᠢᠶ᠎ᠡ ᠮᠦᠨ᠂ ᠪᠠᠰᠠ ᠴᠤ᠌ ᠰᠢᠨᠵᠢᠯᠡᠬᠦ ᠤᠬᠠᠭ᠋ᠠᠨᠴᠢ ᠬᠥᠭᠵᠢᠯᠲᠡ ᠪᠣᠯᠣᠨ ᠬᠥᠭᠵᠢᠯᠲᠡ ᠵᠢᠨ ᠠᠷᠭ᠎ᠠ ᠮᠠᠶᠢᠭ᠎ᠤᠨ ᠬᠤᠪᠢᠷᠠᠭᠤᠯᠤᠯᠲᠠ ᠵᠢ ᠡᠵᠡᠮᠳᠡᠬᠦ ᠨᠢᠭᠡᠨ ᠴᠢᠬᠤᠯᠠ ᠪᠠᠷᠢᠮᠵᠢᠶ᠎ᠠ ᠮᠥᠨ᠃ ᠠᠵᠤ ᠠᠬᠤᠶ᠋ᠢᠯᠠᠯ᠎ᠳᠤ ᠠᠪᠴᠤ ᠬᠡᠯᠡᠪᠡᠯ᠂ ᠠᠷᠪᠢᠲᠠᠶ ᠡᠷᠴᠢᠮᠲᠡᠶ ᠬᠡᠷᠡᠭᠯᠡᠬᠦ᠎ᠨᠢ ᠦᠢ᠍ᠯᠡᠳᠪᠦᠷᠢᠯᠡᠯ᠎ᠤᠨ ᠥᠪᠡᠷ᠎ᠤᠨ ᠥᠷᠲᠡᠭ᠎ᠢ ᠪᠠᠭᠤᠷᠠᠭᠤᠯᠵᠤ᠂ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠵᠦ᠂ ᠥᠷᠢᠰᠥᠯᠳᠦᠬᠦ ᠴᠢᠳᠠᠪᠤᠷᠢ᠎ᠪᠠᠨ ᠨᠡᠮᠡᠭᠳᠡᠭᠦᠯᠬᠦ ᠪᠠ ᠳᠡᠭᠡᠭᠰᠢᠯᠡᠭᠦᠯᠵᠦ ᠪᠣᠯᠣᠨ᠎ᠠ; ᠪᠦᠬᠦ ᠨᠡᠶ᠋ᠢᠭᠡᠮ᠎ᠳᠤ ᠠᠪᠴᠤ ᠬᠡᠯᠡᠪᠡᠯ᠂ ᠠᠷᠪᠢᠲᠠᠶ ᠡᠷᠴᠢᠮᠲᠡᠶ ᠬᠡᠷᠡᠭᠯᠡᠬᠦ᠎ᠨᠢ ᠰᠢᠨ᠎ᠡ ᠠᠵᠤ ᠦᠢ᠍ᠯᠡᠰ᠎ᠤᠨ ᠪᠣᠢ ᠪᠣᠯᠬᠤ ᠵᠢ ᠲᠥᠷᠭᠡᠳᠬᠡᠨ᠂ ᠰᠢᠨ᠎ᠡ ᠡᠳ᠋ ᠪᠠᠶᠠᠯᠢᠭ᠎ᠢ ᠡᠭᠦᠳᠦᠨ ᠪᠥᠲᠦᠭᠡᠵᠦ᠂ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ᠂ ᠦᠢ᠍ᠯᠡᠳᠪᠦᠷᠢᠯᠡᠯ᠎ᠤᠨ ᠨᠣᠷᠮ᠎ᠠ ᠵᠢ᠎ᠨᠢ ᠳᠡᠭᠡᠭᠰᠢᠯᠡᠭᠦᠯᠵᠦ ᠪᠣᠯᠣᠨ᠎ᠠ᠃ ᠡᠶ᠋ᠢᠮᠦ᠎ᠠᠴᠠ᠂ ᠭᠠᠵᠠᠷ ᠰᠢᠷᠣᠶ ᠵᠢ ᠡᠷᠴᠢᠮᠲᠡᠶ ᠠᠰᠢᠭᠯᠠᠬᠤ ᠵᠢ ᠶᠡᠬᠡᠪᠡᠷ ᠳᠥᠯᠭᠢᠨ ᠠᠬᠢᠭᠤᠯᠵᠤ᠂ ᠭᠠᠵᠠᠷ ᠰᠢᠷᠣᠶ ᠵᠢ ᠠᠰᠢᠭᠯᠠᠬᠤ ᠠᠷᠭ᠎ᠠ ᠮᠠᠶᠢᠭ᠎ᠢ ᠦᠨᠳᠦᠰᠦᠨ᠎ᠠᠴᠠ᠎ᠨᠢ ᠬᠤᠪᠢᠷᠠᠭᠤᠯᠬᠤ ᠶᠠᠪᠤᠳᠠᠯ ᠵᠶ᠋ᠠᠷ ᠠᠵᠤ ᠠᠬᠤᠶ ᠵᠢᠨ ᠬᠥᠭᠵᠢᠯᠲᠡ ᠵᠢᠨ ᠠᠷᠭ᠎ᠠ ᠮᠠᠶᠢᠭ᠎ᠢ ᠬᠤᠪᠢᠷᠠᠭᠤᠯᠬᠤ ᠵᠢ ᠳᠥᠯᠭᠢᠨ ᠠᠬᠢᠭᠤᠯᠬᠤ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠪᠥᠭᠡᠳ ᠠᠯᠤᠰ ᠬᠡᠳᠦ ᠵᠢᠨ ᠨᠥᠯᠥᠭᠡ᠎ᠲᠠᠢ ᠶᠤᠮ᠃
[ᠬᠦᠲᠦᠯᠦᠭᠴᠢ] ᠵᠣᠣ ᠳᠠᠷᠤᠭ᠎ᠠ ᠡ᠂ ᠮᠠᠨ᠎ᠤ ᠣᠷᠣᠨ᠎ᠤᠨ ᠭᠠᠵᠠᠷ ᠰᠢᠷᠣᠶ ᠵᠢ ᠠᠷᠪᠢᠲᠠᠶ ᠡᠷᠴᠢᠮᠯᠢᠭ ᠠᠰᠢᠭᠯᠠᠬᠤ ᠲᠠᠯ᠎ᠠ᠎ᠪᠠᠷ ᠶᠠᠮᠠᠷ ᠶᠠᠮᠠᠷ ᠠᠵᠢᠯ᠎ᠢ ᠥᠷᠨᠢᠭᠦᠯᠵᠦ ᠪᠠᠢ᠌ᠭ᠎ᠠ ᠪᠤᠶ?
[ᠵᠣᠣ ᠳ᠋ᠠ ᠶᠦᠩ] (ᠨᠢᠭᠡ) 《ᠬᠣᠶᠠᠷ ᠬᠠᠮᠤᠭ᠎ᠠᠴᠠ ᠴᠢᠩᠭ᠎ᠠ》 ᠭᠠᠵᠠᠷ ᠰᠢᠷᠣᠶ ᠵᠢᠨ ᠬᠠᠮᠢᠶᠠᠷᠤᠯᠲᠠ ᠵᠢᠨ ᠳᠦᠷᠢᠮ᠎ᠢ ᠴᠢᠩᠭ᠋ᠠᠳᠬᠠᠬᠤ ᠬᠡᠷᠡᠭᠲᠡᠢ᠃ ᠬᠣᠶᠠᠷ 《ᠬᠠᠮᠤᠭ᠎ᠠᠴᠠ ᠴᠢᠩᠭ᠎ᠠ》 ᠬᠠᠮᠢᠶᠠᠷᠤᠯᠲᠠ ᠵᠢᠨ ᠳᠦᠷᠢᠮ᠎ᠨᠢ ᠲᠤᠰ ᠲᠤᠰ᠎ᠲᠠᠭᠠᠨ᠄ ᠲᠠᠷᠢᠶᠠᠨ ᠭᠠᠵᠠᠷ᠎ᠢ ᠬᠠᠮᠤᠭ᠎ᠠᠴᠠ ᠴᠢᠩᠭ᠎ᠠ ᠬᠠᠮᠠᠭ᠋ᠠᠯᠠᠬᠤ ᠳᠦᠷᠢᠮ ᠬᠢᠭᠡᠳ ᠭᠠᠵᠠᠷ ᠰᠢᠷᠣᠶ ᠵᠢ ᠬᠠᠮᠤᠭ᠎ᠠᠴᠠ ᠴᠢᠩᠭ᠎ᠠ ᠠᠷᠪᠢᠯᠠᠬᠤ ᠳᠦᠷᠢᠮ ᠪᠣᠯᠣᠨ᠎ᠠ᠂ ᠮᠠᠨ᠎ᠤ ᠤᠯᠤᠰ᠎ᠤᠨ ᠠᠵᠤ ᠠᠬᠤᠶ᠎ᠨᠢ ᠬᠥᠭᠵᠢᠯᠲᠡ ᠵᠢᠨ ᠳᠤᠮᠳᠠ ᠡᠷᠬᠡᠪᠰᠢ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠲᠦᠷᠭᠡᠳᠬᠡᠬᠦ ᠴᠢᠬᠤᠯᠠ ᠴᠠᠭ ᠦᠶ᠎ᠡ᠎ᠳᠤ ᠬᠦᠷᠴᠦ᠂ ᠪᠦᠳᠦᠭᠦᠯᠢᠭ ᠵᠶ᠋ᠡᠷ ᠥᠷᠭᠡᠵᠢᠭᠦᠯᠬᠦ᠂ ᠡᠬᠢ ᠪᠠᠶᠠᠯᠢᠭ᠎ᠢ ᠪᠦᠷᠢᠯᠭᠡᠨ ᠰᠦᠢ᠍ᠳᠬᠡᠬᠦ᠂ ᠣᠷᠴᠢᠨ ᠲᠣᠭᠣᠷᠢᠨ᠎ᠢ ᠡᠪᠳᠡᠬᠦ ᠬᠠᠭᠤᠴᠢᠨ ᠵᠠᠮ ᠵᠶ᠋ᠠᠷ ᠶᠠᠪᠤᠵᠤ ᠪᠣᠯᠬᠤ ᠦᠭᠡᠶ᠂ ᠲᠠᠷᠢᠶᠠᠨ ᠭᠠᠵᠠᠷ᠎ᠤᠨ ᠤᠯᠠᠭ᠋ᠠᠨ ᠱᠤᠭᠤᠮ᠎ᠢ ᠴᠢᠩᠭ᠎ᠠ ᠰᠠᠬᠢᠵᠤ᠂ ᠭᠠᠵᠠᠷ ᠰᠢᠷᠣᠶ ᠵᠢ ᠠᠷᠪᠢᠯᠠᠨ ᠭᠠᠮᠨᠠᠵᠤ ᠡᠷᠴᠢᠮᠵᠢᠭᠦᠯᠦᠨ ᠬᠡᠷᠡᠭᠯᠡᠬᠦ᠎ᠨᠢ ᠠᠯᠢ ᠴᠤ᠌ ᠦᠶ᠎ᠡ ᠵᠢᠨ᠎ᠬᠢ᠎ᠠᠴᠠ ᠴᠥᠮ ᠨᠡᠩ ᠴᠢᠬᠤᠯᠠ ᠪᠥᠭᠡᠳ ᠲᠤᠯᠭ᠋ᠠᠮ᠎ᠠ ᠪᠣᠯᠣᠭ᠋ᠠᠳ ᠪᠠᠶ᠋ᠢᠨ᠎ᠠ᠃ ᠪᠢᠳᠡ ᠲᠠᠷᠢᠶᠠᠨ ᠭᠠᠵᠠᠷ᠎ᠢ ᠬᠠᠮᠠᠭ᠋ᠠᠯᠠᠬᠤ ᠵᠢ ᠭᠠᠵᠠᠷ ᠰᠢᠷᠤᠢ ᠵᠢᠨ ᠬᠠᠮᠢᠶᠠᠷᠤᠯᠲᠠ ᠵᠢᠨ ᠲᠡᠷᠢᠭᠦᠨ ᠴᠢᠬᠤᠯᠠ ᠡᠭᠦᠷᠭᠡ ᠪᠣᠯᠭ᠋ᠠᠵᠤ᠂ ᠡᠷᠬᠡᠪᠰᠢ ᠲᠠᠷᠢᠶᠠᠨ ᠭᠠᠵᠠᠷ᠎ᠢ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠵᠤ᠂ ᠲᠣᠭ᠎ᠠ ᠬᠡᠮᠵᠢᠶ᠎ᠡ ᠶᠠᠰᠤ ᠴᠢᠨᠠᠷ᠎ᠢ ᠵᠡᠷᠭᠡ᠎ᠪᠡᠷ ᠴᠢᠬᠤᠯᠠᠴᠢᠯᠠᠵᠤ᠂ ᠨᠢᠭᠡᠳᠦᠯᠲᠡᠶ ᠲᠥᠯᠥᠪᠵᠢᠭᠦᠯᠬᠦ᠂ ᠬᠡᠷᠡᠭᠯᠡᠯᠲᠡ ᠵᠢ ᠵᠠᠬᠢᠷᠤᠨ ᠬᠠᠮᠢᠶᠠᠷᠬᠤ᠂ ᠭᠠᠵᠠᠷ ᠰᠢᠷᠤᠢ ᠵᠢ ᠠᠷᠪᠢᠯᠠᠨ ᠬᠡᠷᠡᠭᠯᠡᠬᠦ ᠪᠠ ᠬᠠᠤᠯᠢ᠎ᠪᠠᠷ ᠬᠢᠨᠠᠵᠤ ᠬᠠᠮᠢᠶᠠᠷᠬᠤ ᠵᠢ ᠪᠦᠬᠦ ᠲᠠᠯ᠎ᠠ᠎ᠪᠠᠷ ᠴᠢᠩᠭ᠋ᠠᠳᠬᠠᠨ᠂ ᠬᠠᠮᠲᠤ ᠵᠢᠨ ᠬᠠᠷᠢᠭᠤᠴᠠᠯᠭ᠎ᠠ᠂ ᠠᠵᠤ ᠠᠬᠤᠶ ᠵᠢᠨ ᠤᠷᠮᠠᠰᠢᠭᠤᠯᠤᠯ ᠪᠣᠯᠤᠨ ᠨᠡᠶ᠋ᠢᠭᠡᠮ᠎ᠤᠨ ᠬᠢᠨᠠᠯᠲᠠ ᠲᠠᠯᠪᠢᠬᠤ ᠲᠣᠭᠲᠠᠴᠠ ᠵᠢ ᠲᠥᠷᠭᠡᠨ ᠪᠠᠢ᠌ᠭᠤᠯᠵᠤ᠂ ᠲᠠᠷᠢᠶᠠᠨ ᠭᠠᠵᠠᠷ᠎ᠤᠨ ᠪᠠᠲᠤᠯᠠᠭ᠎ᠠ ᠵᠢᠨ ᠤᠯᠠᠭ᠋ᠠᠨ ᠱᠤᠭᠤᠮ᠎ᠢ ᠴᠢᠩᠭ᠎ᠠ ᠰᠠᠬᠢᠵᠤ᠂ ᠲᠠᠷᠢᠶᠠᠨ ᠭᠠᠵᠠᠷ᠎ᠤᠨ ᠪᠣᠳᠠᠲᠠᠶ ᠲᠠᠯᠠᠪᠠᠶ ᠵᠢ ᠦᠨᠳᠦᠰᠦᠨ᠎ᠳᠡᠭᠡᠨ ᠲᠣᠭᠲᠠᠭᠤᠨ ᠪᠠᠢ᠌ᠯᠭ᠋ᠠᠵᠤ᠂ ᠶᠠᠰᠤ ᠴᠢᠨᠠᠷ᠎ᠢ ᠮᠠᠭᠤᠲᠠᠭᠤᠯᠬᠤ ᠦᠭᠡᠶ ᠪᠠᠢ᠌ᠬᠤ ᠵᠢ ᠦᠨᠡᠨᠬᠦ ᠪᠠᠲᠤᠯᠠᠬᠤ ᠬᠡᠷᠡᠭᠲᠡᠢ᠃
(ᠬᠣᠶᠠᠷ) ᠭᠠᠵᠠᠷ ᠰᠢᠷᠣᠶ ᠵᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠵᠢᠨ ᠪᠦᠬᠦᠯᠢ ᠴᠣᠭᠴᠠ᠎ᠪᠠᠷ ᠬᠠᠮᠢᠶᠠᠷᠤᠨ ᠡᠵᠡᠮᠳᠡᠬᠦ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠶ᠃ 2014 ᠣᠨ᠎ᠤ 6 ᠳ᠋ᠤᠭ᠋ᠠᠷ ᠰᠠᠷ᠎ᠠ᠎ᠳᠤ᠂ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠶᠠᠮᠤᠨ 《ᠭᠠᠵᠠᠷ ᠰᠢᠷᠣᠶ ᠵᠢ ᠠᠷᠪᠢᠲᠠᠶ ᠡᠷᠴᠢᠮᠯᠢᠭ ᠠᠰᠢᠭᠯᠠᠬᠤ ᠲᠣᠭᠲᠠᠭ᠋ᠠᠯ》 (ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠶᠠᠮᠤᠨ᠎ᠤ 61 ᠳ᠋ᠦ᠍ᠭᠡᠷ ᠲᠣᠭ᠋ᠠᠲᠤ ᠵᠠᠷᠯᠢᠭ)᠎ᠢ ᠨᠡᠢ᠌ᠲᠡᠯᠡᠨ᠂ ᠭᠠᠵᠠᠷ ᠰᠢᠷᠣᠶ ᠵᠢ ᠠᠰᠢᠭᠯᠠᠬᠤ ᠶᠡᠷᠦᠩᠬᠡᠶ ᠲᠥᠯᠥᠪᠵᠢᠭᠦᠯᠭᠡ᠎ᠪᠠᠷ ᠳᠠᠮᠵᠢᠨ᠂ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠪᠴᠢᠶ᠎ᠡ᠂ ᠪᠠᠢ᠌ᠷᠢᠰᠢᠭᠤᠯᠤᠯᠲᠠ᠂ ᠪᠦᠲᠦᠴᠡ ᠪᠣᠯᠤᠨ ᠴᠠᠭ᠎ᠤᠨ ᠳᠠᠷᠠᠭ᠋ᠠᠯᠠᠯ᠎ᠤᠨ ᠲᠣᠬᠢᠷᠠᠭᠤᠯᠤᠯ᠎ᠲᠠᠢ ᠲᠣᠭᠲᠠᠭ᠋ᠠᠵᠤ᠂ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠯ᠎ᠢ ᠬᠡᠷᠡᠭᠵᠢᠭᠦᠯᠬᠦ ᠵᠢ ᠴᠢᠬᠤᠯᠠᠴᠢᠯᠠᠪᠠ᠃ ᠭᠠᠵᠠᠷ ᠰᠢᠷᠣᠶ ᠵᠢ ᠠᠰᠢᠭᠯᠠᠬᠤ ᠶᠡᠷᠦᠩᠬᠡᠶ ᠲᠥᠯᠥᠪᠵᠢᠭᠦᠯᠭᠡ᠎ᠨᠢ ᠡᠯ᠎ᠡ ᠣᠷᠣᠨ ᠪᠦᠰᠡ᠂ ᠡᠯ᠎ᠡ ᠠᠵᠢᠯ ᠲᠥᠷᠥᠯ᠎ᠤᠨ ᠬᠥᠭᠵᠢᠯᠲᠡ᠎ᠳᠤ ᠬᠡᠷᠡᠭᠯᠡᠬᠦ ᠭᠠᠵᠠᠷ ᠰᠢᠷᠤᠢ ᠵᠢᠨ ᠬᠡᠪᠴᠢᠶ᠎ᠡ ᠪᠤᠯᠤᠨ ᠪᠠᠢ᠌ᠷᠢᠰᠢᠭᠤᠯᠤᠯᠲᠠ᠎ᠳᠤ ᠨᠢᠭᠡᠳᠦᠯᠲᠡᠶ ᠲᠥᠯᠥᠪᠵᠢᠭᠦᠯᠬᠦ ᠦᠢ᠍ᠯᠡᠳᠦᠯ᠎ᠲᠠᠢ ᠶᠤᠮ᠃ ᠭᠠᠵᠠᠷ ᠰᠢᠷᠣᠶ ᠵᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠷᠠᠭᠤᠯᠤᠨ ᠵᠣᠬᠢᠶᠠᠵᠤ᠂ ᠠᠵᠤ ᠦᠢ᠍ᠯᠡᠰ᠎ᠤᠨ ᠬᠥᠭᠵᠢᠯᠲᠡ᠂ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠂ ᠰᠠᠭᠤᠷᠢ ᠪᠡᠯᠡᠳᠬᠡᠮᠵᠢ ᠵᠢᠨ ᠪᠠᠢ᠌ᠷᠢᠰᠢᠭᠤᠯᠤᠯᠲᠠ᠂ ᠠᠮᠢ ᠠᠬᠤᠶ ᠵᠢᠨ ᠣᠷᠴᠢᠨ ᠲᠣᠭᠤᠷᠢᠨ᠎ᠤ ᠪᠦᠲᠦᠭᠡᠨ ᠪᠠᠶ᠋ᠢᠭᠤᠯᠤᠯᠲᠠ ᠵᠡᠷᠭᠡ ᠬᠣᠯᠪᠣᠭᠳᠠᠯ ᠪᠦᠬᠦᠢ ᠲᠥᠯᠥᠪᠵᠢᠭᠦᠯᠭᠡ ᠵᠢ ᠭᠠᠵᠠᠷ ᠰᠢᠷᠣᠶ ᠵᠢ ᠠᠰᠢᠭᠯᠠᠬᠤ ᠶᠡᠷᠦᠩᠬᠡᠶ ᠲᠥᠯᠥᠪᠵᠢᠭᠦᠯᠭᠡ᠎ᠲᠠᠢ ᠠᠪᠴᠠᠯᠳᠤᠭᠤᠯᠬᠤ ᠵᠢ ᠴᠢᠩᠭ᠋ᠠᠳᠬᠠᠨ᠂ ᠡᠯ᠎ᠡ ᠲᠥᠷᠥᠯ᠎ᠤᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠰᠢᠷᠤᠢ ᠵᠢᠨ ᠬᠡᠪᠴᠢᠶ᠎ᠡ ᠪᠠ ᠪᠠᠢ᠌ᠷᠢᠰᠢᠭᠤᠯᠤᠯᠲᠠ ᠵᠢ ᠰᠢᠨᠵᠢᠯᠡᠬᠦ ᠤᠬᠠᠭ᠋ᠠᠨᠴᠢ ᠵᠦᠶ ᠵᠣᠬᠢᠰᠲᠠᠶ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠭᠠᠵᠠᠷ ᠰᠢᠷᠣᠶ ᠵᠢᠨ ᠡᠬᠢ ᠪᠠᠶᠠᠯᠢᠭ᠎ᠢ ᠲᠥᠪᠯᠡᠷᠡᠭᠦᠯᠦᠨ ᠠᠰᠢᠭᠯᠠᠬᠤ ᠦᠢ᠍ᠯᠡᠳᠦᠯ ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠳᠠᠷᠠᠭᠤᠯᠬᠤ ᠬᠡᠷᠡᠭᠲᠡᠢ᠃ ᠬᠣᠯᠪᠣᠭᠳᠠᠯ ᠪᠦᠬᠦᠢ ᠲᠥᠯᠥᠪᠵᠢᠭᠦᠯᠭᠡ᠎ᠨᠢ ᠭᠠᠵᠠᠷ ᠰᠢᠷᠣᠶ ᠵᠢ ᠠᠰᠢᠭᠯᠠᠬᠤ ᠶᠡᠷᠦᠩᠬᠡᠶ ᠲᠥᠯᠥᠪᠵᠢᠭᠦᠯᠭᠡ᠎ᠳᠤ ᠲᠣᠭᠲᠠᠭ᠋ᠠᠭᠰᠠᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠪᠴᠢᠶ᠎ᠡ᠎ᠠᠴᠠ ᠬᠡᠲᠦᠷᠡᠭᠰᠡᠨ ᠪᠣᠯ᠂ ᠴᠠᠭ ᠲᠤᠬᠠᠶ᠎ᠳᠤᠨᠢ ᠲᠣᠬᠢᠷᠠᠭᠤᠯᠬᠤ ᠪᠤᠶᠤ ᠵᠠᠰᠠᠪᠤᠷᠢ ᠣᠷᠣᠭᠤᠯᠵᠤ᠂ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠰᠢᠷᠤᠢ ᠵᠢᠨ ᠬᠡᠷᠡᠭᠯᠡᠬᠦ ᠪᠠᠷᠢᠮᠵᠢᠶ᠎ᠠ᠎ᠪᠠᠷ ᠬᠡᠷᠡᠭᠯᠡᠬᠦ ᠭᠠᠵᠠᠷ ᠰᠢᠷᠤᠢ ᠵᠢᠨ ᠬᠡᠪᠴᠢᠶ᠎ᠡ ᠵᠢ ᠬᠢᠨᠠᠨ ᠬᠠᠰᠤᠵᠤ᠂ ᠬᠡᠷᠡᠭᠯᠡᠬᠦ ᠭᠠᠵᠠᠷ᠎ᠤᠨ ᠪᠠᠢ᠌ᠷᠢᠰᠢᠭᠤᠯᠤᠯᠲᠠ ᠵᠢ ᠲᠣᠬᠢᠷᠠᠭᠤᠯᠬᠤ ᠬᠡᠷᠡᠭᠲᠡᠢ᠃ ᠬᠣᠲᠠ ᠬᠥᠳᠡᠭᠡ ᠵᠢᠨ ᠭᠠᠵᠠᠷ ᠰᠢᠷᠣᠶ ᠵᠢ ᠠᠰᠢᠭᠯᠠᠬᠤ᠎ᠳᠤ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠬᠦ ᠵᠠᠷᠴᠢᠮ᠎ᠢ ᠪᠠᠷᠢᠮᠲᠠᠯᠠᠵᠤ᠂ ᠬᠥᠮᠦᠨ ᠠᠮᠠ ᠬᠣᠲᠠ ᠪᠠᠯᠭ᠋ᠠᠰᠤ ᠤᠷᠤᠭᠤ ᠲᠥᠪᠯᠡᠷᠡᠬᠦ᠂ ᠣᠷᠣᠨ ᠰᠠᠭᠤᠴᠠ ᠨᠡᠶ᠋ᠢᠭᠡᠮ ᠲᠣᠭᠣᠷᠢᠭ ᠲᠡᠰᠢ ᠲᠥᠪᠯᠡᠷᠡᠬᠦ᠂ ᠠᠵᠤ ᠦᠢ᠍ᠯᠡᠰ ᠬᠦᠷᠢᠶᠡᠯᠡᠩ ᠲᠣᠭᠣᠷᠢᠭ ᠵᠦᠭ ᠲᠥᠪᠯᠡᠷᠡᠬᠦ ᠵᠢ ᠢᠳᠡᠪᠬᠢᠲᠡᠶ ᠳᠥᠯᠭᠢᠨ ᠠᠬᠢᠭᠤᠯᠵᠤ ᠂ ᠭᠠᠵᠠᠷ ᠰᠢᠷᠣᠶ ᠵᠢᠨ ᠡᠬᠢ ᠪᠠᠶᠠᠯᠢᠭ᠎ᠢ ᠥᠨᠳᠥᠷ ᠦᠷ᠎ᠡ ᠪᠦᠲᠦᠮᠵᠢᠲᠡᠶ᠎ᠪᠠᠷ ᠲᠣᠬᠢᠷᠠᠭᠤᠯᠬᠤ ᠪᠠ ᠠᠷᠪᠢᠲᠠᠶ ᠡᠷᠴᠢᠮᠯᠢᠭ ᠠᠰᠢᠭᠯᠠᠬᠤ ᠵᠢ ᠪᠡᠶᠡᠯᠡᠭᠦᠯᠬᠦ ᠬᠡᠷᠡᠭᠲᠡᠢ᠃
(ᠭᠤᠷᠪᠠ) ᠭᠠᠵᠠᠷ ᠰᠢᠷᠣᠶ ᠵᠢᠨ ᠡᠬᠢ ᠪᠠᠶᠠᠯᠢᠭ᠎ᠢ ᠲᠣᠬᠢᠷᠠᠭᠤᠯᠬᠤ ᠳᠤᠮᠳᠠᠬᠢ ᠵᠠᠬ᠎ᠠ ᠳᠡᠯᠭᠡᠭᠦᠷ᠎ᠤᠨ ᠰᠢᠢ᠍ᠳᠪᠦᠷᠢᠯᠡᠭᠴᠢ ᠴᠢᠨᠠᠷᠲᠠᠶ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠶ᠃ ᠦᠨ᠎ᠡ ᠬᠠᠩᠰᠢ ᠵᠢᠨ ᠬᠥᠰᠢᠭᠦᠷᠭᠡ ᠵᠢ ᠢᠳᠡᠪᠬᠢᠲᠡᠶ ᠬᠡᠷᠡᠭᠯᠡᠵᠦ᠂ ᠭᠠᠵᠠᠷ ᠰᠢᠷᠣᠶ ᠵᠢᠨ ᠡᠬᠢ ᠪᠠᠶᠠᠯᠢᠭ᠎ᠤᠨ ᠬᠣᠪᠤᠷ ᠴᠤᠬᠠᠭ ᠬᠡᠮᠵᠢᠶ᠎ᠡ ᠵᠢ ᠲᠤᠰᠬᠠᠭᠰᠠᠨ ᠦᠨ᠎ᠡ ᠬᠠᠩᠰᠢ ᠵᠢᠨ ᠪᠦᠷᠢᠯᠳᠦᠯ᠎ᠤᠨ ᠲᠣᠭᠲᠠᠴᠠ ᠵᠢ ᠠᠯᠬᠤᠮ ᠠᠯᠬᠤᠮ ᠵᠶ᠋ᠠᠷ ᠪᠠᠢ᠌ᠭᠤᠯᠵᠤ᠂ ᠭᠠᠵᠠᠷ ᠰᠢᠷᠣᠶ ᠵᠢ ᠠᠷᠪᠢᠲᠠᠢ ᠡᠷᠴᠢᠮᠯᠢᠭ ᠠᠰᠢᠭᠯᠠᠬᠤ ᠵᠢ ᠠᠬᠢᠭᠤᠯᠬᠤ ᠬᠡᠷᠡᠭᠲᠡᠢ᠃ ᠭᠠᠵᠠᠷ ᠰᠢᠷᠣᠶ ᠬᠡᠷᠡᠭᠯᠡᠭᠴᠢ ᠲᠥᠯᠥᠪᠵᠢᠭᠦᠯᠭᠡ᠎ᠳᠤ ᠨᠡᠶ᠋ᠢᠴᠡᠬᠦ ᠤᠷᠢᠲᠠᠯ ᠳᠣᠣᠷ᠎ᠠ᠂ ᠦᠢ᠍ᠯᠡᠳᠪᠦᠷᠢ ᠵᠢᠨ ᠭᠡᠷ ᠪᠠᠶ᠋ᠢᠰᠢᠩ ᠳᠡᠭᠡᠷ᠎ᠡ ᠳᠠᠪᠬᠤᠷᠭ᠎ᠠ ᠨᠡᠮᠡᠬᠦ᠂ ᠦᠢ᠍ᠯᠡᠳᠪᠦᠷᠢ ᠵᠢᠨ ᠲᠣᠭᠣᠷᠢᠭ᠎ᠢ ᠥᠭᠡᠷᠡᠴᠢᠯᠡᠬᠦ᠂ ᠳᠣᠲᠣᠭ᠋ᠠᠳᠤ᠎ᠳᠤ ᠬᠡᠷᠡᠭᠯᠡᠬᠦ ᠭᠠᠵᠠᠷ᠎ᠢ ᠡᠮᠬᠢᠯᠡᠨ ᠴᠡᠭᠴᠡᠯᠡᠬᠦ ᠵᠡᠷᠭᠡ ᠠᠷᠭ᠎ᠠ ᠵᠠᠮ ᠵᠶ᠋ᠠᠷ ᠳᠠᠮᠵᠢᠭᠤᠯᠤᠨ ᠭᠠᠵᠠᠷ ᠰᠢᠷᠣᠶ ᠵᠢᠨ ᠠᠰᠢᠭᠯᠠᠯᠲᠠ ᠵᠢᠨ ᠨᠣᠷᠮ᠎ᠠ ᠵᠢ ᠳᠡᠭᠡᠭᠰᠢᠯᠡᠭᠦᠯᠬᠦ ᠬᠡᠷᠡᠭᠲᠡᠶ᠃ ᠲᠥᠯᠥᠪᠵᠢᠭᠦᠯᠭᠡ᠎ᠳᠤ ᠨᠡᠢ᠌ᠴᠡᠵᠦ᠂ ᠬᠡᠷᠡᠭᠯᠡᠯᠲᠡ ᠵᠢ ᠬᠤᠪᠢᠷᠠᠭᠤᠯᠬᠤ ᠦᠭᠡᠶ ᠤᠷᠢᠲᠠᠯ ᠳᠣᠣᠷ᠎ᠠ᠂ ᠣᠳᠣ ᠪᠠᠶ᠋ᠢᠭ᠎ᠠ ᠠᠵᠤ ᠦᠢ᠍ᠯᠡᠳᠪᠦᠷᠢ ᠵᠢᠨ ᠬᠡᠷᠡᠭᠯᠡᠬᠦ ᠭᠠᠵᠠᠷ᠎ᠲᠤ ᠠᠰᠢᠭᠯᠠᠯᠲᠠ ᠵᠢᠨ ᠨᠣᠷᠮ᠎ᠠ ᠵᠢ ᠳᠡᠭᠡᠭᠰᠢᠯᠡᠭᠦᠯᠬᠦ ᠪᠠ ᠡᠵᠡᠯᠡᠭᠦᠨᠤ ᠨᠣᠷᠮ᠎ᠠ ᠵᠢ ᠨᠡᠮᠡᠭᠳᠡᠭᠦᠯᠵᠦ᠂ ᠭᠠᠵᠠᠷ ᠰᠢᠷᠣᠶ ᠵᠢ ᠠᠷᠪᠢᠲᠠᠢ ᠡᠷᠴᠢᠮᠯᠢᠭ ᠬᠡᠷᠡᠭᠯᠡᠬᠦ ᠱᠠᠭ᠋ᠠᠷᠳᠠᠯᠭ᠎ᠠ᠎ᠳᠤ ᠨᠡᠢ᠌ᠴᠡᠭᠰᠡᠨ᠂ ᠤᠯᠤᠰ᠎ᠠᠴᠠ ᠵᠣᠷᠢᠭᠵᠢᠭᠤᠯᠤᠭᠰᠠᠨ ᠠᠵᠤ ᠦᠢ᠍ᠯᠡᠰ᠎ᠤᠨ ᠠᠵᠤ ᠦᠢ᠍ᠯᠡᠳᠪᠦᠷᠢ ᠵᠢᠨ ᠬᠡᠷᠡᠭᠯᠡᠬᠦ ᠭᠠᠵᠠᠷ ᠰᠢᠷᠤᠢ᠎ᠳᠤ ᠬᠠᠷᠢᠶᠠᠯᠠᠭᠳᠠᠬᠤ ᠪᠥᠭᠡᠳ ᠢᠯᠭ᠋ᠠᠭ᠎ᠠ᠎ᠲᠠᠢ ᠭᠠᠵᠠᠷ᠎ᠤᠨ ᠦᠨ᠎ᠡ ᠬᠠᠩᠰᠢ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ ᠪᠣᠯᠤᠨ᠎ᠠ᠃ ᠠᠵᠤ ᠠᠬᠤᠶ᠋ᠢᠯᠠᠯ᠎ᠤᠨ ᠭᠠᠵᠠᠷ ᠰᠢᠷᠤᠢ ᠬᠡᠷᠡᠭᠯᠡᠬᠦ ᠭᠠᠷᠭ᠋ᠠᠯᠲᠠ ᠵᠢᠨ ᠳᠠᠯᠳᠠ ᠬᠥᠴᠦᠨ᠎ᠢ ᠭᠦᠢ᠍ᠴᠡᠳ ᠠᠭᠤᠳᠠᠯᠵᠤ᠂ ᠠᠵᠤ ᠠᠬᠤᠶ᠋ᠢᠯᠠᠯ᠎ᠢ ᠵᠣᠷᠢᠭᠵᠢᠭᠤᠯᠤᠨ ᠬᠡᠷᠡᠭᠯᠡᠬᠦ ᠭᠠᠵᠠᠷ ᠲᠠᠯᠠᠪᠠᠶ ᠵᠢ ᠨᠡᠮᠡᠭᠳᠡᠭᠦᠯᠬᠦ ᠦᠭᠡᠶ ᠪᠠᠢ᠌ᠬᠤ ᠤᠷᠢᠲᠠᠯ ᠳᠣᠣᠷ᠎ᠠ ᠪᠡᠯᠡ ᠮᠥᠩᠭᠥ ᠵᠢ ᠨᠡᠮᠡᠭᠳᠡᠭᠦᠯᠦᠨ ᠰᠲ᠋ᠣᠺ᠎ᠢ ᠥᠷᠭᠡᠵᠢᠭᠦᠯᠬᠦ ᠬᠡᠷᠡᠭᠲᠡᠢ᠃
(ᠳᠥᠷᠪᠡ) ᠠᠮᠢᠳᠤᠯᠢᠭ ᠨᠥᠬᠡᠴᠡ ᠵᠢᠨ ᠭᠠᠵᠠᠷ ᠰᠢᠷᠣᠶ ᠵᠢ ᠳᠠᠬᠢᠨ ᠠᠰᠢᠭᠯᠠᠬᠤ ᠵᠢ ᠦᠷᠭᠦᠯᠵᠢᠯᠡᠨ ᠳᠥᠯᠭᠢᠨ ᠠᠬᠢᠭᠤᠯᠬᠤ ᠬᠡᠷᠡᠭᠲᠡᠢ᠃ ᠭᠠᠵᠠᠷ ᠰᠢᠷᠣᠶ ᠵᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠪᠣᠯᠣᠨ ᠭᠠᠵᠠᠷ ᠰᠢᠷᠣᠶ ᠵᠢ ᠴᠡᠭᠴᠡᠯᠡᠨ ᠵᠠᠰᠠᠬᠤ ᠲᠥᠯᠥᠪᠵᠢᠭᠦᠯᠭᠡ ᠵᠢᠨ ᠶᠣᠰᠤᠭ᠋ᠠᠷ᠂ ᠲᠠᠷᠢᠶ᠎ᠠ᠂ ᠤᠰᠤ᠂ ᠵᠠᠮ᠂ ᠣᠶ᠂ ᠲᠤᠰᠬᠤᠨ᠎ᠢ ᠪᠦᠬᠦ ᠲᠠᠯ᠎ᠠ᠎ᠪᠠᠷ ᠵᠠᠰᠠᠵᠤ᠂ ᠲᠡᠦᠬᠡᠨ᠎ᠠᠴᠠ ᠦᠯᠡᠳᠡᠭᠳᠡᠵᠦ ᠢᠷᠡᠭᠰᠡᠨ ᠰᠠᠭᠤᠭ᠋ᠠᠯᠢ ᠠᠷᠠᠳ᠎ᠤᠨ ᠬᠠᠶᠠᠭᠳᠠᠮᠠᠯ ᠣᠷᠣᠨ ᠰᠠᠭᠤᠴᠠ ᠵᠢᠨ ᠭᠠᠵᠠᠷ ᠪᠣᠯᠣᠨ ᠦᠢ᠍ᠯᠡᠳᠪᠦᠷᠢ ᠠᠭᠤᠷᠬᠠᠶ ᠵᠡᠷᠭᠡ ᠬᠠᠶᠠᠭᠳᠠᠮᠠᠯ ᠭᠠᠵᠠᠷ᠎ᠢ ᠳᠠᠬᠢᠨ ᠬᠠᠭ᠋ᠠᠯᠪᠤᠷᠢᠯᠠᠵᠤ ᠠᠰᠢᠭᠯᠠᠨ᠂ ᠤᠰᠤᠨ ᠠᠰᠢᠭᠯᠠᠯᠲᠠ ᠵᠢᠨ ᠪᠠᠷᠢᠯᠭ᠎ᠠ᠎ᠳᠤ ᠬᠡᠷᠡᠭᠯᠡᠬᠦ ᠭᠠᠵᠠᠷ᠎ᠢ ᠴᠢᠨᠠᠷᠲᠠᠢ ᠭᠠᠮᠨᠠᠨ ᠬᠡᠷᠡᠭᠯᠡᠬᠦ ᠪᠠ ᠳᠠᠯᠳᠠ ᠬᠦᠴᠦᠨ᠎ᠢ᠎ᠨᠢ ᠠᠭᠤᠳᠠᠯᠬᠤ ᠬᠡᠷᠡᠭᠲᠡᠢ᠃ ᠬᠣᠲᠠ ᠪᠠᠯᠭ᠋ᠠᠰᠤ ᠵᠢᠨ ᠳᠣᠣᠷ᠎ᠠ ᠦᠷ᠎ᠡ ᠪᠦᠲᠦᠮᠵᠢ᠎ᠲᠠᠢ ᠬᠡᠷᠡᠭᠯᠡᠭᠰᠡᠨ ᠭᠠᠵᠠᠷ᠎ᠢ ᠳᠠᠬᠢᠨ ᠨᠡᠭᠡᠭᠡᠨ ᠬᠥᠭᠵᠢᠭᠦᠯᠬᠦ᠂ ᠬᠠᠶᠠᠭᠳᠠᠮᠠᠯ ᠭᠠᠵᠠᠷ᠎ᠢ ᠳᠠᠬᠢᠨ ᠠᠰᠢᠭᠯᠠᠬᠤ ᠵᠢ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠵᠢ ᠪᠠᠢ᠌ᠭᠤᠯᠤᠨ᠂ ᠪᠠᠢ᠌ᠷᠢᠰᠢᠭᠤᠯᠤᠯᠲᠠ᠎ᠨᠢ ᠲᠠᠷᠠᠬᠠᠢ ᠪᠤᠲᠠᠷᠬᠠᠢ᠂ ᠠᠰᠢᠭᠯᠠᠯᠲᠠ᠎ᠨᠢ ᠪᠦᠳᠦᠭᠦᠯᠢᠭ᠂ ᠬᠡᠷᠡᠭᠯᠡᠯᠲᠡ᠎ᠨᠢ ᠵᠣᠬᠢᠰ ᠦᠭᠡᠶ᠂ ᠰᠤᠯᠠ ᠲᠠᠯᠪᠢᠵᠤ ᠪᠦᠷᠢᠯᠭᠡᠨ ᠰᠦᠢ᠍ᠳᠬᠡᠬᠦ ᠵᠡᠷᠭᠡ ᠳᠣᠣᠷ᠎ᠠ ᠦᠷ᠎ᠡ ᠪᠦᠲᠦᠮᠵᠢ᠎ᠲᠠᠢ ᠬᠡᠷᠡᠭᠯᠡᠭᠰᠡᠨ ᠭᠠᠵᠠᠷ᠎ᠢ ᠳᠠᠬᠢᠵᠤ ᠨᠡᠭᠡᠭᠡᠨ ᠬᠥᠭᠵᠢᠭᠦᠯᠵᠦ᠂ ᠠᠭᠤᠷᠬᠠᠶ ᠮᠠᠯᠲᠠᠭᠰᠠᠨ᠎ᠠᠴᠠ ᠪᠣᠯᠵᠤ ᠡᠪᠳᠡᠵᠦ ᠰᠦᠢ᠍ᠳᠬᠡᠭᠰᠡᠨ᠂ ᠰᠠᠭᠤᠭ᠋ᠠᠯᠢ ᠠᠷᠠᠳ᠎ᠤᠨ ᠣᠷᠣᠨ ᠰᠠᠭᠤᠴᠠ ᠵᠢ ᠨᠡᠭᠦᠯᠭᠡᠭᠰᠡᠨ᠂ ᠠᠵᠤ ᠦᠢ᠍ᠯᠡᠰ᠎ᠤᠨ ᠲᠣᠬᠢᠷᠠᠭᠤᠯᠤᠯᠲᠠ᠎ᠪᠠᠷ ᠪᠤᠶ ᠪᠣᠯᠤᠭᠰᠠᠨ ᠬᠠᠶᠠᠭᠳᠠᠮᠠᠯ ᠭᠠᠵᠠᠷ᠎ᠢ ᠳᠠᠬᠢᠨ ᠬᠠᠭ᠋ᠠᠯᠪᠤᠷᠢᠯᠠᠵᠤ ᠠᠰᠢᠭᠯᠠᠬᠤ ᠵᠢ ᠬᠡᠷᠡᠭᠵᠢᠭᠦᠯᠵᠦ᠂ ᠭᠠᠵᠠᠷ ᠰᠢᠷᠣᠶ ᠵᠢ ᠰᠢᠯᠢᠳᠡᠭᠵᠢᠭᠦᠯᠦᠨ ᠠᠰᠢᠭᠯᠠᠬᠤ ᠵᠢ ᠠᠬᠢᠭᠤᠯᠬᠤ ᠬᠡᠷᠡᠭᠲᠡᠢ᠃ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠭᠠᠵᠠᠷ ᠬᠡᠷᠡᠭᠯᠡᠬᠦ ᠵᠢᠷᠤᠭ ᠲᠥᠯᠥᠪᠯᠡᠭᠡ ᠵᠢ ᠰᠢᠯᠢᠳᠡᠭᠵᠢᠭᠦᠯᠬᠦ᠂ ᠳᠠᠪᠬᠤᠷᠭ᠎ᠠ ᠬᠤᠪᠢᠶᠠᠨ ᠪᠠᠢ᠌ᠷᠢᠰᠢᠭᠤᠯᠬᠤ᠂ ᠭᠠᠵᠠᠷ ᠳᠡᠭᠡᠷᠡᠬᠢ᠂ ᠭᠠᠵᠠᠷ ᠳᠣᠣᠷᠠᠬᠢ ᠣᠷᠣᠨ ᠵᠠᠶ ᠵᠢ ᠭᠦᠢ᠍ᠴᠡᠳ ᠠᠰᠢᠭᠯᠠᠬᠤ ᠵᠢ ᠵᠣᠷᠢᠭᠵᠢᠭᠤᠯᠬᠤ ᠬᠡᠷᠡᠭᠲᠡᠢ᠃
(ᠲᠠᠪᠤ) ᠭᠠᠵᠠᠷ ᠰᠢᠷᠤᠢ ᠵᠢ ᠠᠷᠪᠢᠲᠠᠢ ᠡᠷᠴᠢᠮᠯᠢᠭ ᠬᠡᠷᠡᠭᠯᠡᠬᠦ ᠲᠣᠬᠠᠢ ᠶᠠᠷᠢᠶ᠎ᠠ ᠬᠡᠯᠡᠯᠴᠡᠭᠡᠨ᠎ᠤ ᠤᠬᠠᠭᠤᠯᠭ᠎ᠠ ᠵᠢᠨ ᠬᠥᠲᠥᠯᠥᠨ ᠵᠢᠯᠣᠭᠣᠳᠬᠤ ᠦᠢ᠍ᠯᠡᠳᠦᠯ᠎ᠢ ᠴᠢᠩᠭ᠋ᠠᠳᠬᠠᠬᠤ ᠬᠡᠷᠡᠭᠲᠡᠢ᠃ ᠨᠢᠭᠡ᠎ᠳᠤ ᠭᠠᠵᠠᠷ ᠰᠢᠷᠣᠶ ᠵᠢᠨ ᠡᠬᠢ ᠪᠠᠶᠠᠯᠢᠭ᠎ᠤᠨ ᠤᠯᠤᠰ᠎ᠤᠨ ᠪᠠᠢ᠌ᠳᠠᠯ ᠣᠷᠣᠨ᠎ᠤ ᠪᠠᠶ᠋ᠢᠳᠠᠯ᠂ ᠭᠠᠵᠠᠷ ᠰᠢᠷᠣᠶ ᠵᠢ ᠨᠠᠨᠳᠢᠩᠨᠠᠨ ᠵᠦᠶ ᠵᠣᠬᠢᠰᠲᠠᠶ ᠠᠰᠢᠭᠯᠠᠬᠤ ᠦᠨᠳᠦᠰᠦᠨ ᠲᠥᠷᠥ ᠵᠢᠨ ᠪᠣᠳᠣᠯᠭ᠎ᠠ ᠪᠣᠯᠣᠨ ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠦᠷᠥ ᠵᠢᠨ ᠪᠤᠳᠣᠯᠭ᠎ᠠ ᠵᠢ ᠶᠡᠬᠡᠪᠡᠷ ᠤᠬᠠᠭᠤᠯᠵᠤ᠂ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠭᠠᠵᠠᠷ ᠰᠢᠷᠤᠢ ᠵᠢ ᠠᠷᠪᠢᠲᠠᠢ ᠡᠷᠴᠢᠮᠯᠢᠭ ᠬᠡᠷᠡᠭᠯᠡᠬᠦ ᠵᠢᠨ ᠲᠠᠯ᠎ᠠ᠎ᠪᠠᠷ᠎ᠬᠢ ᠠᠩᠬᠠᠷᠤᠯ ᠬᠢᠭᠡᠳ ᠵᠥᠪᠰᠢᠶᠡᠷᠡᠯ᠎ᠢ ᠳᠠᠢ᠌ᠴᠢᠯᠠᠵᠤ᠂ ᠭᠠᠵᠠᠷ ᠰᠢᠷᠣᠶ ᠵᠢ ᠠᠷᠪᠢᠲᠠᠢ ᠡᠷᠴᠢᠮᠯᠢᠭ ᠬᠡᠷᠡᠭᠯᠡᠬᠦ ᠵᠢ ᠨᠡᠶ᠋ᠢᠭᠡᠮ᠎ᠤᠨ ᠬᠠᠮᠲᠤ ᠵᠢᠨ ᠲᠠᠨᠢᠯᠲᠠ ᠪᠣᠯᠭ᠋ᠠᠨ᠂ ᠭᠠᠵᠠᠷ ᠰᠢᠷᠣᠶ ᠵᠢ ᠠᠷᠪᠢᠲᠠᠢ ᠡᠷᠴᠢᠮᠯᠢᠭ ᠬᠡᠷᠡᠭᠯᠡᠬᠦ᠎ᠳᠤ ᠨᠡᠶ᠋ᠢᠭᠡᠮ᠎ᠤᠨ ᠰᠠᠶ᠋ᠢᠨ ᠰᠠᠶ᠋ᠢᠬᠠᠨ ᠣᠷᠴᠢᠨ ᠠᠬᠤᠢ ᠵᠢ ᠪᠤᠶ ᠪᠣᠯᠭ᠋ᠠᠬᠤ ᠬᠡᠷᠡᠭᠲᠡᠶ᠃ ᠬᠣᠶᠠᠷ᠎ᠲᠤ ᠨᠡᠶ᠋ᠢᠭᠡᠮ᠎ᠤᠨ ᠡᠯ᠎ᠡ ᠲᠠᠯ᠎ᠠ ᠵᠢᠨ ᠬᠦᠴᠦᠨ᠎ᠢ ᠥᠷᠭᠡᠨ ᠵᠶ᠋ᠡᠷ ᠳᠠᠢ᠌ᠴᠢᠯᠠᠵᠤ ᠭᠠᠵᠠᠷ ᠰᠢᠷᠤᠢ ᠵᠢ ᠠᠷᠪᠢᠲᠠᠢ ᠡᠷᠴᠢᠮᠯᠢᠭ ᠬᠡᠷᠡᠭᠯᠡᠬᠦ ᠠᠵᠢᠯᠯᠠᠭ᠎ᠠ᠎ᠳᠤ ᠢᠳᠡᠪᠬᠢᠲᠠᠢ ᠣᠷᠣᠯᠴᠠᠭᠤᠯᠵᠤ᠂ 《ᠰᠢᠨ᠎ᠡ ᠬᠡᠪ ᠪᠠᠶ᠋ᠢᠳᠠᠯ》 ᠳᠣᠣᠷᠠᠬᠢ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠰᠢᠨ᠎ᠡ ᠬᠡᠪᠰᠢᠯᠢ ᠲᠥᠷᠭᠡᠨ ᠪᠠᠢ᠌ᠭᠤᠯᠤᠨ ᠲᠡᠭᠦᠯᠳᠡᠷᠵᠢᠭᠦᠯᠵᠦ᠂ ᠭᠠᠵᠠᠷ ᠰᠢᠷᠣᠶ ᠵᠢ ᠠᠷᠪᠢᠲᠠᠢ ᠡᠷᠴᠢᠮᠯᠢᠭ ᠬᠡᠷᠡᠭᠯᠡᠬᠦ᠎ᠳᠤ ᠪᠠᠲᠤ ᠴᠢᠩᠭ᠎ᠠ ᠪᠠᠶ᠋ᠢᠭᠤᠯᠤᠯ᠎ᠤᠨ ᠲᠣᠭᠲᠠᠴᠠ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ᠃ ᠭᠤᠷᠪᠠ᠎ᠳᠤ ᠭᠠᠵᠠᠷ ᠰᠢᠷᠣᠶ ᠵᠢ ᠨᠡᠭᠡᠭᠡᠨ ᠠᠰᠢᠭᠯᠠᠬᠤ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠤᠯᠭ᠋ᠠᠵᠤ᠂ ᠵᠥᠪᠰᠢᠶᠡᠷᠡᠭᠰᠡᠨ ᠪᠠᠢ᠌ᠲᠠᠯ᠎ᠠ ᠦᠯᠦ ᠬᠠᠩᠭ᠋ᠠᠭᠰᠠᠨ᠂ ᠬᠠᠩᠭ᠋ᠠᠭᠰᠠᠨ ᠪᠠᠢ᠌ᠲᠠᠯ᠎ᠠ ᠦᠯᠦ ᠬᠡᠷᠡᠭᠯᠡᠭᠰᠡᠨ᠂ ᠭᠠᠵᠠᠷ᠎ᠢ ᠳᠣᠣᠷ᠎ᠠ ᠦᠷ᠎ᠡ ᠪᠦᠲᠦᠮᠵᠢᠲᠡᠢ᠎ᠪᠠᠷ ᠬᠡᠷᠡᠭᠯᠡᠭᠰᠡᠨ᠂ ᠰᠤᠯᠠ ᠲᠠᠯᠪᠢᠵᠤ ᠬᠠᠶᠠᠭᠰᠠᠨ᠂ ᠭᠡᠷ᠎ᠡ ᠭᠦᠢ᠍ᠴᠡᠳᠬᠡᠭᠰᠡᠨ ᠵᠡᠷᠭᠡ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠢ᠌ᠲᠡᠯᠡᠵᠦ᠂ ᠭᠠᠵᠠᠷ ᠰᠢᠷᠣᠶ ᠵᠢ ᠠᠷᠪᠢᠲᠠᠢ ᠡᠷᠴᠢᠮᠯᠢᠭ ᠬᠡᠷᠡᠭᠯᠡᠬᠦ᠎ᠳᠤ ᠬᠦᠴᠦᠨ ᠲᠡᠭᠦᠯᠳᠡᠷ ᠬᠢᠨᠠᠯᠲᠠ ᠲᠠᠯᠪᠢᠬᠤ ᠰᠢᠰᠲᠸᠮᠵᠢ ᠪᠠᠢ᠌ᠭᠤᠯᠬᠤ ᠬᠡᠷᠡᠭᠲᠡᠢ᠃
[ᠬᠦᠲᠦᠯᠦᠭᠴᠢ] ᠵᠣᠣ ᠳᠠᠷᠤᠭ᠎ᠠ ᠡ᠂ ᠭᠠᠵᠠᠷ ᠰᠢᠷᠤᠢ ᠵᠢ ᠠᠷᠪᠢᠲᠠᠶ ᠡᠷᠴᠢᠮᠯᠢᠭ ᠬᠡᠷᠡᠭᠯᠡᠬᠦ ᠠᠵᠢᠯ᠎ᠤᠨ ᠳᠠᠷᠠᠭ᠋ᠠᠴᠢ ᠵᠢᠨ ᠠᠯᠬᠤᠮ᠎ᠤᠨ ᠭᠣᠣᠯᠳᠠᠯᠭ᠎ᠠ᠎ᠨᠢ ᠶᠠᠭᠤ ᠪᠤᠶ?
[ᠵᠣᠣ ᠳ᠋ᠠ ᠶᠦᠩ] (ᠨᠢᠭᠡ) ᠲᠥᠷᠥ ᠵᠢᠨ ᠪᠣᠳᠣᠯᠭ᠎ᠠ᠎ᠪᠠᠷ ᠬᠥᠲᠥᠯᠥᠨ ᠵᠢᠯᠣᠭᠤᠳᠤᠭᠤᠯᠬᠤ᠎ᠪᠠᠷ ᠳᠠᠮᠵᠢᠨ᠂ ᠭᠠᠵᠠᠷ ᠰᠢᠷᠣᠶ ᠵᠢ ᠠᠷᠪᠢᠲᠠᠢ ᠡᠷᠴᠢᠮᠯᠢᠭ ᠬᠡᠷᠡᠭᠯᠡᠬᠦ ᠦᠵᠡᠯᠲᠡ ᠵᠢᠨ ᠵᠢᠯᠣᠭᠣᠳᠤᠮᠵᠢ ᠵᠢᠨ ᠦᠢ᠍ᠯᠡᠳᠦᠯ᠎ᠢ ᠴᠢᠩᠭ᠋ᠠᠳᠬᠠᠬᠤ ᠬᠡᠷᠡᠭᠲᠡᠢ᠃ ᠭᠠᠵᠠᠷ ᠰᠢᠷᠣᠶ ᠵᠢ ᠠᠷᠪᠢᠲᠠᠢ ᠡᠷᠴᠢᠮᠯᠢᠭ ᠬᠡᠷᠡᠭᠯᠡᠬᠦ ᠬᠠᠮᠤᠭ᠎ᠠᠴᠠ ᠴᠢᠩᠭ᠎ᠠ ᠳᠦᠷᠢᠮ᠎ᠢ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠲᠥᠷᠥ ᠵᠢᠨ ᠶᠠᠪᠤᠳᠠᠯ᠎ᠤᠨ ᠬᠣᠷᠢᠶ᠎ᠠ 《ᠭᠠᠵᠠᠷ ᠰᠢᠷᠣᠶ ᠵᠢ ᠠᠷᠪᠢᠲᠠᠢ ᠡᠷᠴᠢᠮᠯᠢᠭ ᠠᠰᠢᠭᠯᠠᠬᠤ ᠵᠢ ᠠᠬᠢᠭᠤᠯᠬᠤ ᠲᠤᠬᠠᠶ ᠮᠡᠳᠡᠭᠳᠡᠯ》 (ᠲᠥᠷᠥ ᠲᠠᠷᠬᠠᠭ᠋ᠠᠭᠰᠠᠨ [2008] 3 ᠳ᠋ᠤᠭ᠋ᠠᠷ ᠲᠣᠭ᠋ᠠᠳᠣ) ᠪᠠᠭᠤᠯᠭ᠋ᠠᠵᠤ᠂ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠶᠠᠮᠤᠨ 《ᠭᠠᠵᠠᠷ ᠰᠢᠷᠣᠶ ᠵᠢ ᠠᠷᠪᠢᠲᠠᠶ ᠡᠷᠴᠢᠮᠯᠢᠭ ᠠᠰᠢᠭᠯᠠᠬᠤ ᠲᠣᠭᠲᠠᠭ᠋ᠠᠯ》 (ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠶᠠᠮᠤᠨ᠎ᠤ 61 ᠳ᠋ᠦ᠍ᠭᠡᠷ ᠲᠣᠭ᠋ᠠᠲᠤ ᠵᠠᠷᠯᠢᠭ)᠂ 《ᠭᠠᠵᠠᠷ ᠰᠢᠷᠣᠶ ᠵᠢ ᠠᠷᠪᠢᠲᠠᠢ ᠡᠷᠴᠢᠮᠯᠢᠭ ᠬᠡᠷᠡᠭᠯᠡᠬᠦ ᠵᠢ ᠳᠥᠯᠭᠢᠨ ᠠᠬᠢᠭᠤᠯᠬᠤ ᠲᠤᠬᠠᠶ ᠵᠢᠯᠣᠭᠣᠳᠬᠤ ᠰᠠᠨᠠᠯ》 (ᠤᠯᠤᠰ᠎ᠤᠨ ᠭᠠᠵᠠᠷ ᠰᠢᠷᠤᠢ ᠡᠬᠢ ᠪᠠᠶᠠᠯᠢᠭ ᠲᠠᠷᠬᠠᠭ᠋ᠠᠭᠰᠠᠨ (2014) 119 ᠳ᠋ᠦ᠍ᠭᠡᠷ ᠲᠣᠭ᠋ᠠᠲᠤ)᠎ᠢ ᠨᠡᠢ᠌ᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠭᠠᠵᠠᠷ ᠰᠢᠷᠣᠶ ᠵᠢ ᠠᠷᠪᠢᠲᠠᠢ ᠡᠷᠴᠢᠮᠯᠢᠭ ᠬᠡᠷᠡᠭᠯᠡᠬᠦ ᠵᠢ ᠶᠡᠬᠡ᠎ᠪᠠᠷ ᠠᠬᠢᠭᠤᠯᠬᠤ ᠲᠣᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2012] 90 ᠳ᠋ᠦ᠍ᠭᠡᠷ ᠲᠤᠭ᠋ᠠᠳᠤ) ᠪᠢᠴᠢᠭ ᠮᠠᠲ᠋ᠧᠷᠢᠶᠠᠯ᠎ᠢ ᠪᠠᠭᠤᠯᠭ᠋ᠠᠪᠠ᠂ ᠡᠳᠡᠭᠡᠷ ᠠᠯᠢ ᠣᠯᠠᠨ ᠮᠠᠲ᠋ᠧᠷᠢᠶᠠᠯ ᠪᠣᠯᠣᠨ ᠲᠥᠷᠥ ᠵᠢᠨ ᠪᠣᠳᠣᠯᠭ᠎ᠠ ᠵᠢ ᠨᠡᠢ᠌ᠲᠡᠯᠡᠭᠰᠡᠨ᠎ᠨᠢ᠂ ᠭᠠᠵᠠᠷ ᠰᠢᠷᠣᠶ ᠵᠢ ᠠᠷᠪᠢᠲᠠᠢ ᠡᠷᠴᠢᠮᠯᠢᠭ ᠬᠡᠷᠡᠭᠯᠡᠬᠦ ᠴᠢᠬᠤᠯᠠ ᠴᠢᠨᠠᠷ᠎ᠢ ᠤᠯᠠᠮ ᠨᠢᠭᠡ ᠠᠯᠬᠤᠮ ᠲᠤᠲᠤᠷᠬᠠᠢ᠌ᠯᠠᠵᠤ᠂ ᠭᠠᠵᠠᠷ ᠰᠢᠷᠤᠢ ᠵᠢ ᠠᠷᠪᠢᠲᠠᠢ ᠡᠷᠴᠢᠮᠯᠢᠭ ᠬᠡᠷᠡᠭᠯᠡᠬᠦ ᠴᠢᠬᠤᠯᠠ ᠴᠢᠨᠠᠷ᠎ᠢ ᠦᠬᠦᠯᠡᠵᠦ᠂ ᠭᠠᠵᠠᠷ ᠰᠢᠷᠣᠶ ᠵᠢ ᠠᠰᠢᠭᠯᠠᠬᠤ ᠵᠠᠩᠭᠢᠯᠠᠭ᠎ᠠ ᠪᠠᠷ ᠳᠠᠮᠵᠢᠨ ᠨᠡᠶ᠋ᠢᠭᠡᠮ᠎ᠤᠨ ᠡᠯ᠎ᠡ ᠠᠵᠢᠯ ᠲᠥᠷᠥᠯ᠎ᠤᠨ᠎ᠬᠢᠨ ᠭᠠᠵᠠᠷ ᠰᠢᠷᠣᠶ ᠵᠢ ᠠᠷᠪᠢᠲᠠᠢ ᠡᠷᠴᠢᠮᠯᠢᠭ ᠬᠡᠷᠡᠭᠯᠡᠬᠦ ᠦᠵᠡᠯ ᠤᠬᠠᠮᠰᠠᠷ᠎ᠢ ᠪᠣᠢ ᠪᠣᠯᠭ᠋ᠠᠬᠤ ᠵᠢ ᠠᠯᠬᠤᠮ ᠠᠯᠬᠤᠮ ᠵᠶ᠋ᠠᠷ ᠵᠢᠯᠣᠭᠤᠳᠪᠠ᠃
(ᠬᠣᠶᠠᠷ) ᠳᠦᠷᠢᠮ᠎ᠤᠨ ᠪᠠᠲᠤᠯᠠᠭ᠎ᠠ᠎ᠪᠠᠷ ᠳᠠᠮᠵᠢᠨ᠂ ᠭᠠᠵᠠᠷ ᠰᠢᠷᠤᠢ ᠵᠢ ᠠᠷᠪᠢᠲᠠᠢ ᠡᠷᠴᠢᠮᠯᠢᠭ ᠬᠡᠷᠡᠭᠯᠡᠬᠦ ᠠᠷᠭ᠎ᠠ ᠵᠠᠮ᠎ᠢ ᠰᠢᠯᠤᠭᠤᠳᠬᠠᠬᠤ ᠬᠡᠷᠡᠭᠲᠡᠢ᠃ ᠭᠠᠵᠠᠷ ᠰᠢᠷᠤᠢ ᠵᠢ ᠠᠷᠪᠢᠲᠠᠢ ᠡᠷᠴᠢᠮᠯᠢᠭ ᠬᠡᠷᠡᠭᠯᠡᠬᠦ ᠬᠡᠷᠡᠭᠵᠢᠭᠦᠯᠦᠯᠲᠡ ᠵᠢ ᠪᠦᠲᠦᠮᠵᠢ᠎ᠲᠠᠢ ᠲᠥᠯᠬᠢᠨ ᠠᠬᠢᠭᠤᠯᠬᠤ ᠵᠢᠨ ᠲᠥᠯᠥᠭᠡ᠂ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠶᠠᠮᠤᠨ᠎ᠠᠴᠠ 《ᠭᠠᠵᠠᠷ ᠰᠢᠷᠣᠶ ᠬᠡᠷᠡᠭᠯᠡᠬᠦ ᠪᠠᠷᠢᠮᠵᠢᠶ᠎ᠠ》 ᠵᠢ ᠨᠡᠢ᠌ᠲᠡᠯᠡᠵᠦ᠂ ᠵᠠᠮ ᠬᠠᠷᠢᠯᠴᠠᠭ᠎ᠠ᠂ ᠴᠠᠬᠢᠯᠭ᠋ᠠᠨ ᠬᠦᠴᠦ᠂ ᠡᠨᠧᠷᠭᠢ ᠵᠢᠨ ᠰᠤᠷᠪᠤᠯᠵᠢ᠂ ᠠᠵᠤ ᠦᠢ᠍ᠯᠡᠳᠪᠦᠷᠢ ᠵᠢᠨ ᠲᠥᠷᠥᠯ ᠵᠦᠢ᠍ᠯ᠂ ᠣᠯᠠᠨ ᠨᠡᠶ᠋ᠢᠲᠡ ᠵᠢᠨ ᠪᠡᠯᠡᠳᠬᠡᠮᠵᠢ᠂ ᠣᠨᠴᠠᠭ᠋ᠠᠶ ᠲᠥᠷᠥᠯ ᠵᠦᠢ᠍ᠯ᠎ᠳᠤ ᠭᠠᠵᠠᠷ ᠰᠢᠷᠤᠢ ᠬᠡᠷᠡᠭᠯᠡᠬᠦ ᠪᠠᠷᠢᠮᠵᠢᠶ᠎ᠠ ᠵᠢ ᠬᠣᠯᠪᠤᠭᠳᠠᠭᠤᠯᠵᠤ᠂ ᠡᠯ᠎ᠡ ᠲᠥᠷᠥᠯ᠎ᠤᠨ ᠭᠠᠵᠠᠷ ᠬᠡᠷᠡᠭᠯᠡᠬᠦ ᠠᠵᠤ ᠠᠬᠤᠶ᠋ᠢᠯᠠᠯ᠎ᠤᠨ ᠭᠠᠵᠠᠷ ᠰᠢᠷᠣᠶ ᠵᠢ ᠠᠷᠪᠢᠲᠠᠢ ᠡᠷᠴᠢᠮᠯᠢᠭ ᠬᠡᠷᠡᠭᠯᠡᠬᠦ ᠵᠢ ᠵᠦᠢ ᠵᠣᠬᠢᠰᠲᠠᠢ᠎ᠪᠠᠷ ᠬᠦᠲᠦᠯᠦᠨ ᠵᠢᠯᠣᠭᠤᠳᠪᠠ; 《ᠠᠵᠤ ᠦᠢ᠍ᠯᠡᠳᠪᠦᠷᠢ ᠵᠢᠨ ᠭᠠᠵᠠᠷ ᠬᠡᠷᠡᠭᠯᠡᠬᠦ ᠲᠥᠷᠥᠯ ᠵᠦᠢ᠍ᠯ᠎ᠢ ᠬᠢᠵᠠᠭ᠋ᠠᠷᠯᠠᠬᠤ ᠭᠦᠢ᠍ᠴᠡᠳᠬᠡᠬᠦ ᠲᠣᠭ᠎ᠠ》᠎ᠨᠢ᠂ ᠪᠦᠲᠦᠭᠡᠨ ᠪᠠᠶ᠋ᠢᠭᠤᠯᠤᠯᠲᠠ᠎ᠳᠤ ᠭᠠᠵᠠᠷ ᠬᠡᠷᠡᠭᠯᠡᠬᠦ ᠡᠵᠡᠯᠡᠭᠦᠨᠤ ᠨᠣᠷᠮ᠎ᠠ᠂ ᠪᠠᠷᠢᠯᠭ᠎ᠠ ᠵᠢᠨ ᠢᠯᠡᠳᠬᠡᠮᠵᠢ᠂ ᠠᠵᠤ ᠦᠢ᠍ᠯᠡᠳᠪᠦᠷᠢ ᠵᠢᠨ ᠭᠠᠵᠠᠷ ᠬᠡᠷᠡᠭᠯᠡᠬᠦ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠡᠷᠴᠢᠮ᠂ ᠠᠵᠤ ᠦᠢ᠍ᠯᠡᠳᠪᠦᠷᠢ ᠵᠢᠨ ᠭᠠᠵᠠᠷ ᠬᠡᠷᠡᠭᠯᠡᠬᠦ ᠭᠠᠷᠭ᠋ᠠᠯᠲᠠ ᠵᠢᠨ ᠬᠦᠴᠦᠯᠡᠴᠡ ᠵᠡᠷᠭᠡ ᠲᠠᠯ᠎ᠠ᠎ᠪᠠᠷ ᠲᠤᠰ ᠲᠤᠰ ᠬᠠᠮᠤᠭ᠎ᠤᠨ ᠳᠣᠣᠷ᠎ᠠ ᠪᠠᠷᠢᠮᠵᠢᠶ᠎ᠠ ᠲᠣᠭᠲᠠᠭ᠋ᠠᠵᠤ᠂ ᠭᠠᠵᠠᠷ ᠰᠢᠷᠣᠶ ᠵᠢ ᠪᠦᠳᠦᠭᠦᠯᠢᠭ ᠵᠶ᠋ᠠᠷ ᠠᠰᠢᠭᠯᠠᠬᠤ ᠵᠢ ᠰᠡᠷᠭᠡᠢ᠌ᠯᠡᠪᠡ; ᠥᠪᠡᠷᠲᠡᠭᠡᠨ ᠵᠠᠰᠠᠬᠤ ᠣᠷᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠣᠷᠣᠨ ᠰᠠᠭᠤᠴᠠ ᠵᠢᠨ ᠰᠠᠭᠤᠷᠢ ᠵᠢᠨ ᠬᠠᠮᠢᠶᠠᠷᠤᠯᠲᠠ ᠵᠢᠨ ᠠᠷᠭ᠎ᠠ》 ᠬᠢᠭᠡᠳ 《ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠢ ᠠᠷᠪᠢᠲᠠᠶ ᠡᠷᠴᠢᠮᠯᠢᠭ ᠬᠡᠷᠡᠭᠯᠡᠬᠦ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠬᠤ ᠵᠢᠯᠣᠭᠣᠳᠬᠤ ᠰᠠᠨᠠᠯ》᠎ᠢ ᠶᠠᠭ ᠲᠤᠭᠤᠷᠪᠢᠵᠤ ᠪᠤᠢ᠂ ᠡᠳᠡᠭᠡᠷ ᠭᠠᠵᠠᠷ ᠰᠢᠷᠣᠶ ᠵᠢ ᠠᠷᠪᠢᠲᠠᠢ ᠡᠷᠴᠢᠮᠯᠢᠭ ᠬᠡᠷᠡᠭᠯᠡᠬᠦ ᠵᠢᠨ ᠬᠣᠯᠪᠣᠭᠳᠠᠯ ᠪᠦᠬᠦᠢ ᠳᠦᠷᠢᠮ᠎ᠤᠨ ᠪᠠᠶ᠋ᠢᠭᠤᠯᠤᠯᠲᠠ ᠪᠣᠯᠣᠨ ᠪᠠᠷᠢᠮᠵᠢᠶ᠎ᠠ ᠲᠣᠭᠲᠠᠭ᠋ᠠᠯ᠎ᠨᠢ ᠴᠥᠮ ᠪᠦᠬᠦ ᠣᠷᠣᠨ ᠭᠠᠵᠠᠷ ᠰᠢᠷᠣᠶ ᠵᠢ ᠠᠰᠢᠭᠯᠠᠬᠤ ᠠᠷᠭ᠎ᠠ ᠮᠠᠶᠢᠭ᠎ᠤᠨ ᠬᠤᠪᠢᠷᠠᠭᠤᠯᠤᠯᠲᠠ ᠵᠢ ᠪᠦᠬᠦ ᠲᠠᠯ᠎ᠠ᠎ᠪᠠᠷ ᠳᠥᠯᠭᠢᠨ ᠠᠬᠢᠭᠤᠯᠬᠤ᠎ᠳᠤ ᠳᠦᠷᠢᠮ᠎ᠤᠨ ᠠᠷᠭ᠎ᠠ ᠵᠠᠮ᠎ᠢ ᠰᠢᠯᠤᠭᠤᠳᠬᠠᠵᠤ ᠥᠭᠬᠦ ᠪᠣᠯᠣᠨ᠎ᠠ᠃
(ᠭᠤᠷᠪᠠ) ᠲᠤᠰᠬᠠᠶ ᠠᠵᠢᠯ᠎ᠢ ᠳᠥᠯᠭᠢᠨ ᠠᠬᠢᠭᠤᠯᠬᠤ᠎ᠪᠠᠷ ᠳᠠᠮᠵᠢᠨ᠂ ᠭᠠᠵᠠᠷ ᠰᠢᠷᠣᠶ ᠵᠢ ᠠᠷᠪᠢᠲᠠᠢ ᠡᠷᠴᠢᠮᠯᠢᠭ ᠠᠰᠢᠭᠯᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ᠃ ᠵᠢᠱ᠌ᠢᠶᠡᠯᠡᠪᠡᠯ᠄ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ᠎ᠢ ᠪᠦᠲᠦᠭᠡᠨ ᠪᠠᠢ᠌ᠭᠤᠯᠬᠤ ᠡᠷᠴᠢᠮ᠎ᠢ ᠨᠡᠮᠡᠭᠳᠡᠭᠦᠯᠵᠦ᠂ ᠴᠢᠨᠠᠷ ᠰᠠᠶ᠋ᠢᠲᠠᠶ ᠲᠠᠷᠢᠶᠠᠨ ᠭᠠᠵᠠᠷ᠎ᠤᠨ ᠬᠠᠷᠢᠴᠠᠯ᠎ᠢ ᠢᠳᠡᠭ ᠢᠳᠡᠭ ᠵᠶ᠋ᠠᠷ ᠳᠡᠭᠡᠭᠰᠢᠯᠡᠭᠦᠯᠦᠨ᠎ᠡ; ᠭᠠᠵᠠᠷ ᠰᠢᠷᠤᠢ ᠵᠢ ᠠᠷᠪᠢᠲᠠᠶ ᠡᠷᠴᠢᠮᠯᠢᠭ ᠠᠰᠢᠭᠯᠠᠭᠰᠠᠨ ᠵᠢᠱ᠌ᠢᠶᠡᠴᠢ ᠰᠢᠶᠠᠨ (ᠬᠣᠲᠠ)᠎ᠢ ᠡᠭᠦᠳᠦᠨ ᠪᠠᠶ᠋ᠢᠭᠤᠯᠬᠤ ᠠᠵᠢᠯ᠎ᠢ ᠦᠷᠨᠢᠭᠦᠯᠵᠦ᠂ ᠠᠷᠪᠢᠲᠠᠶ ᠡᠷᠴᠢᠮᠯᠢᠭ ᠠᠰᠢᠭᠯᠠᠭᠰᠠᠨ ᠵᠢᠱ᠌ᠢᠶᠡᠴᠢ ᠭᠠᠵᠠᠷ ᠣᠷᠣᠨ᠎ᠤ ᠵᠢᠱ᠌ᠢᠶ᠎ᠡ ᠦᠵᠡᠭᠦᠯᠬᠦ ᠦᠢ᠍ᠯᠡᠳᠦᠯ᠎ᠢ ᠪᠠᠳᠠᠷᠠᠭᠤᠯᠤᠨ᠎ᠠ; ᠨᠢᠭᠡᠴᠡ ᠵᠢᠨ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠭᠡᠢ ᠥᠷᠲᠡᠭ᠎ᠤᠨ ᠪᠦᠲᠦᠭᠡᠨ ᠪᠠᠶ᠋ᠢᠭᠤᠯᠤᠯᠲᠠ᠎ᠳᠤ ᠭᠠᠵᠠᠷ ᠬᠡᠷᠡᠭᠯᠡᠬᠦ ᠭᠦᠢ᠍ᠴᠡᠳᠬᠡᠬᠦ ᠲᠣᠭ᠋ᠠᠨ᠎ᠤ ᠪᠠᠭᠤᠷᠠᠯᠲᠠ ᠵᠢ ᠬᠢᠨᠠᠨ ᠰᠢᠯᠭ᠋ᠠᠬᠤ ᠵᠢ ᠴᠢᠩᠭ᠋ᠠᠳᠬᠠᠵᠤ᠂ ᠭᠠᠵᠠᠷ ᠰᠢᠷᠣᠶ ᠵᠢ ᠠᠷᠪᠢᠲᠠᠢ ᠡᠷᠴᠢᠮᠯᠢᠭ ᠠᠰᠢᠭᠯᠠᠬᠤ ᠬᠢᠷᠢ ᠲᠥᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ; ᠬᠣᠲᠠ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠰᠢᠷᠣᠶ ᠵᠢ ᠠᠷᠪᠢᠲᠠᠢ ᠡᠷᠴᠢᠮᠯᠢᠭ ᠬᠡᠷᠡᠭᠯᠡᠭᠰᠡᠨ᠎ᠢ ᠦᠨᠡᠯᠡᠬᠦ ᠠᠵᠢᠯ᠎ᠢ ᠲᠥᠯᠬᠢᠨ ᠠᠬᠢᠭᠤᠯᠵᠤ᠂ ᠠᠷᠪᠢᠲᠠᠢ ᠡᠷᠴᠢᠮᠯᠢᠭᠢ ᠲᠡᠷᠢᠭᠦᠨ᠎ᠳᠤ ᠲᠠᠯᠪᠢᠬᠤ ᠪᠠᠶ᠋ᠢᠯᠳᠤᠬᠤ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ; ᠬᠣᠲᠠ ᠵᠢᠨ ᠨᠡᠭᠡᠭᠡᠨ ᠬᠥᠭᠵᠢᠭᠦᠯᠬᠦ ᠵᠠᠭ᠋ᠠᠭ ᠬᠢᠵᠠᠭ᠋ᠠᠷ᠎ᠢ ᠵᠦᠶ ᠵᠣᠬᠢᠰᠲᠠᠶ ᠲᠣᠭᠲᠠᠭ᠋ᠠᠵᠤ᠂ ᠪᠦᠲᠦᠭᠡᠨ ᠪᠠᠶ᠋ᠢᠭᠤᠯᠤᠯᠲᠠ᠎ᠳᠤ ᠭᠠᠵᠠᠷ ᠬᠡᠷᠡᠭᠯᠡᠬᠦ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠦᠨ᠎ᠡ; ᠨᠡᠭᠡᠭᠡᠯᠲᠡ ᠵᠢᠨ ᠣᠷᠣᠨ᠎ᠤ ᠭᠠᠵᠠᠷ ᠰᠢᠷᠣᠶ ᠵᠢ ᠠᠷᠪᠢᠲᠠᠢ ᠡᠷᠴᠢᠮᠯᠢᠭ ᠠᠰᠢᠭᠯᠠᠭᠰᠠᠨᠢ ᠦᠨᠡᠯᠡᠬᠦ ᠠᠵᠢᠯ᠎ᠢ ᠳᠥᠯᠭᠢᠨ ᠠᠬᠢᠭᠤᠯᠵᠤ᠂ ᠨᠡᠭᠡᠭᠡᠯᠲᠡ ᠵᠢᠨ ᠣᠷᠣᠨ᠎ᠤ ᠭᠠᠵᠠᠷ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠨ᠎ᠠ; ᠰᠠᠭᠤᠭ᠋ᠠᠯᠢ ᠠᠷᠠᠳ᠎ᠤᠨ ᠬᠠᠶᠠᠭᠳᠠᠮᠠᠯ ᠣᠷᠣᠨ ᠰᠠᠭᠤᠴᠠ ᠵᠢᠨ ᠭᠠᠵᠠᠷ ᠪᠣᠯᠣᠨ ᠦᠢ᠍ᠯᠡᠳᠪᠦᠷᠢ ᠠᠭᠤᠷᠬᠠᠶ ᠵᠢᠨ ᠬᠠᠶᠠᠭᠳᠠᠮᠠᠯ ᠭᠠᠵᠠᠷ᠎ᠢ ᠳᠠᠬᠢᠨ ᠬᠠᠭ᠋ᠠᠯᠪᠤᠷᠢᠯᠠᠬᠤ ᠵᠢ ᠥᠷᠨᠢᠭᠦᠯᠵᠦ᠂ ᠳᠣᠣᠷ᠎ᠠ ᠦᠷ᠎ᠡ ᠪᠦᠲᠦᠮᠵᠢᠲᠠᠢ᠎ᠪᠠᠷ ᠬᠡᠷᠡᠭᠯᠡᠭᠰᠡᠨ ᠭᠠᠵᠠᠷ᠎ᠢ ᠳᠠᠬᠢᠨ ᠠᠰᠢᠭᠯᠠᠬᠤ ᠵᠢ ᠲᠦᠯᠬᠢᠨ ᠠᠬᠢᠭᠤᠯᠤᠨ᠎ᠠ᠃
(ᠳᠥᠷᠪᠡ) ᠭᠠᠵᠠᠷ ᠰᠢᠷᠣᠶ ᠵᠢ ᠠᠰᠢᠭᠯᠠᠬᠤ ᠵᠢ ᠬᠥᠳᠡᠯᠦᠩᠭᠦᠶ ᠪᠠᠢ᠌ᠳᠠᠯ᠎ᠢ ᠲᠣᠭᠤᠷᠢᠨ ᠪᠠᠶ᠋ᠢᠴᠠᠭ᠋ᠠᠬᠤ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ᠎ᠪᠠᠷ ᠳᠠᠮᠵᠢᠨ᠂ ᠭᠠᠵᠠᠷ ᠰᠢᠷᠤᠢ ᠵᠢ ᠠᠷᠪᠢᠲᠠᠢ ᠡᠷᠴᠢᠮᠯᠢᠭ ᠬᠡᠷᠡᠭᠯᠡᠬᠦ ᠲᠥᠷᠥ ᠵᠢᠨ ᠪᠣᠳᠣᠯᠭ᠎ᠠ ᠪᠤᠳᠠᠳᠠᠢ᠎ᠳᠤ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠣᠳᠣᠬᠠᠨ᠎ᠳᠤ᠂ ᠪᠦᠬᠦ ᠣᠷᠣᠨ᠎ᠳᠤ ᠭᠠᠵᠠᠷ ᠰᠢᠷᠣᠶ ᠵᠢᠨ ᠠᠰᠢᠭᠯᠠᠯᠲᠠ ᠵᠢᠨ ᠬᠥᠳᠡᠯᠦᠩᠭᠦᠶ ᠪᠠᠢ᠌ᠳᠠᠯ᠎ᠢ ᠲᠣᠭᠣᠷᠢᠨ ᠪᠠᠢ᠌ᠴᠠᠭ᠋ᠠᠬᠤ ᠪᠠ ᠭᠠᠵᠠᠷ ᠰᠢᠷᠣᠶ ᠵᠢᠨ ᠬᠠᠤᠯᠢ ᠬᠡᠷᠡᠭᠵᠢᠭᠦᠯᠦᠯᠲᠡ ᠵᠢᠨ ᠬᠥᠳᠡᠯᠦᠩᠭᠦᠶ ᠪᠠᠢ᠌ᠳᠠᠯ᠎ᠢ ᠲᠣᠭᠤᠷᠢᠨ ᠪᠠᠶ᠋ᠢᠴᠠᠭ᠋ᠠᠬᠤ ᠰᠢᠰᠲ᠋ᠧᠮᠵᠢ ᠵᠢ ᠪᠠᠢ᠌ᠭᠤᠯᠵᠤ᠂ ᠠᠶ᠋ᠢᠮᠠᠭ ᠬᠣᠲᠠ᠂ ᠬᠣᠰᠢᠭᠤ ᠰᠢᠶᠠᠨ᠎ᠤ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠳ ᠭᠠᠵᠠᠷ ᠰᠢᠷᠣᠶ ᠵᠢ ᠠᠰᠢᠭᠯᠠᠬᠤ ᠬᠦᠳᠡᠯᠦᠩᠭᠦᠢ ᠪᠠᠢ᠌ᠳᠠᠯ᠎ᠢ ᠲᠣᠭᠤᠷᠢᠨ ᠪᠠᠶ᠋ᠢᠴᠠᠭ᠋ᠠᠬᠤ ᠠᠵᠢᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠡᠭᠦᠷᠭᠡᠯᠡᠵᠦ᠂ ᠦᠨᠳᠦᠰᠦᠨ ᠱᠠᠲᠤᠨ᠎ᠤ ᠤᠯᠤᠰ᠎ᠤᠨ ᠭᠠᠵᠠᠷ ᠰᠢᠷᠤᠢ ᠵᠢᠨ ᠭᠠᠵᠠᠷ ᠡᠰᠡᠬᠦᠯ᠎ᠡ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠬᠤᠪᠢᠶᠠᠷᠢ ᠲᠣᠪᠴᠢᠶ᠎ᠠ ᠪᠣᠯ ᠲᠤᠬᠠᠶ ᠵᠢᠨ ᠭᠠᠵᠠᠷ᠎ᠲᠤᠨᠢ ᠬᠢᠨᠠᠨ ᠪᠠᠢ᠌ᠴᠠᠭ᠋ᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠭᠠᠵᠠᠷ ᠰᠢᠷᠣᠶ ᠬᠡᠷᠡᠭᠯᠡᠬᠦ ᠵᠢ ᠬᠢᠨᠠᠨ ᠵᠥᠪᠰᠢᠶᠡᠷᠡᠬᠦ᠂ ᠬᠠᠩᠭ᠋ᠠᠬᠤ᠂ ᠬᠡᠷᠡᠭᠯᠡᠬᠦ ᠪᠦᠬᠦ ᠶᠠᠪᠤᠴᠠ᠎ᠳᠤ ᠬᠢᠨᠠᠯᠲᠠ ᠬᠠᠮᠢᠶᠠᠷᠤᠯᠲᠠ ᠬᠢᠵᠦ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠵᠶ᠋ᠠᠷ ᠦᠨᠳᠦᠰᠦᠯᠡᠯ ᠪᠣᠯᠭ᠋ᠠᠨ᠂ ᠬᠠᠤᠯᠢ ᠬᠡᠷᠡᠭᠵᠢᠭᠦᠯᠵᠦ ᠬᠢᠨᠠᠨ ᠪᠠᠶ᠋ᠢᠴᠠᠭ᠋ᠠᠬᠤ ᠡᠷᠴᠢᠮ᠎ᠢ ᠴᠢᠩᠭ᠋ᠠᠷᠠᠭᠤᠯᠬᠤ᠎ᠪᠠᠷ ᠲᠦᠰᠢᠭ ᠪᠣᠯᠭ᠋ᠠᠵᠤ᠂ ᠭᠠᠵᠠᠷ ᠰᠢᠷᠣᠶ ᠵᠢ ᠪᠦᠳᠦᠭᠦᠯᠢᠭ ᠪᠦᠭᠡᠳ ᠳᠣᠣᠷ᠎ᠠ ᠦᠷ᠎ᠡ ᠪᠦᠲᠦᠮᠵᠢᠲᠠᠢ᠎ᠪᠠᠷ ᠠᠰᠢᠭᠯᠠᠬᠤ ᠢᠯᠠᠩᠭᠤᠶ᠎ᠠ ᠵᠥᠪᠰᠢᠶᠡᠷᠡᠭᠰᠡᠨ ᠪᠠᠢ᠌ᠬᠤ᠎ᠳᠤ ᠦᠯᠦ ᠬᠠᠩᠭ᠋ᠠᠭᠰᠠᠨ ᠪᠠ ᠭᠠᠵᠠᠷ ᠰᠢᠷᠤᠢ ᠵᠢ ᠰᠤᠯᠠ ᠲᠠᠯᠪᠢᠭᠰᠠᠨ ᠪᠠᠢ᠌ᠳᠠᠯ᠎ᠳᠤ ᠬᠡᠪ᠎ᠤᠨ ᠰᠢᠮᠳᠠᠭᠤᠯᠤᠨ ᠪᠠᠢ᠌ᠴᠠᠭ᠋ᠠᠯᠲᠠ ᠬᠢᠵᠦ᠂ ᠭᠠᠵᠠᠷ ᠰᠢᠷᠣᠶ ᠵᠢᠨ ᠬᠠᠩᠭ᠋ᠠᠯᠭ᠎ᠠ ᠵᠢᠨ ᠶᠡᠷᠦᠩᠬᠡᠶ ᠬᠡᠮᠵᠢᠶ᠎ᠡ ᠂ ᠪᠠᠢ᠌ᠷᠢᠰᠢᠭᠤᠯᠤᠯᠲᠠ᠂ ᠪᠦᠲᠦᠴᠡ᠂ ᠦᠨ᠎ᠡ ᠬᠠᠩᠰᠢ ᠪᠣᠯᠣᠨ ᠨᠡᠭᠡᠭᠡᠨ ᠠᠰᠢᠭᠯᠠᠬᠤ ᠪᠠᠶ᠋ᠢᠳᠠᠯ᠎ᠳᠤ ᠪᠦᠬᠦ ᠲᠠᠯ᠎ᠠ ᠵᠢᠨ᠂ ᠬᠥᠳᠡᠯᠦᠩᠭᠦᠶ᠂ ᠥᠷᠭᠦᠯᠵᠢᠯᠡᠭᠰᠡᠨ ᠬᠢᠨᠠᠨ ᠬᠠᠮᠢᠶᠠᠷᠬᠤ ᠵᠢ ᠠᠯᠬᠤᠮ ᠠᠯᠬᠤᠮ ᠵᠶ᠋ᠠᠷ ᠪᠡᠶᠡᠯᠡᠭᠦᠯᠵᠦ᠂ ᠭᠠᠵᠠᠷ ᠰᠢᠷᠣᠶ ᠵᠢ ᠠᠷᠪᠢᠲᠠᠢ ᠡᠷᠴᠢᠮᠯᠢᠭ ᠬᠡᠷᠡᠭᠯᠡᠬᠦ ᠲᠥᠷᠥ ᠵᠢᠨ ᠪᠣᠳᠣᠯᠭ᠎ᠠ ᠪᠤᠳᠠᠳᠠᠢ᠎ᠳᠤ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠬᠤ ᠵᠢ ᠲᠤᠲᠤᠷᠬᠠᠢ᠌ᠯᠠᠪᠠ᠃
[ᠬᠥᠲᠥᠯᠥᠭᠴᠢ] ᠵᠠ ᠰᠠᠢ᠌ᠨ ᠪᠣᠯᠣᠯ᠎ᠠ᠃ ᠵᠣᠣ ᠳᠠᠷᠤᠭ᠎ᠠ ᠵᠢᠨ ᠬᠠᠯᠠᠰᠢᠷᠠᠯ ᠦᠭᠡᠢ᠎ᠪᠠᠷ ᠲᠠᠢ᠌ᠯᠪᠤᠷᠢᠯᠠᠭᠰᠠᠨ᠎ᠳᠤ ᠲᠠᠯᠠᠷᠬᠠᠵᠤ ᠪᠠᠢ᠌ᠨ᠎ᠠ᠂ ᠮᠦᠨᠴᠦ ᠰᠦᠯᠵᠢᠶᠡᠨ᠎ᠤ ᠠᠨᠳᠠ ᠨᠡᠷ᠎ᠤᠨ ᠢᠳᠡᠪᠬᠢᠲᠡᠶ ᠣᠷᠣᠯᠴᠠᠭᠰᠠᠨ᠎ᠳᠤ ᠲᠠᠯᠠᠷᠬᠠᠵᠤ ᠪᠠᠢ᠌ᠨ᠎ᠠ᠂ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠵᠠᠪᠰᠠᠷᠯᠠᠶ᠎ᠠ᠂ ᠳᠠᠷᠠᠭ᠋ᠠᠴᠢ ᠵᠢᠨ ᠫᠷᠦᠭᠷᠠᠮ᠎ᠳᠤ ᠪᠠᠶᠠᠷᠲᠠᠶ ᠵᠣᠯᠭ᠋ᠠᠶ᠎ᠠ!

ᠥᠪᠡᠷᠲᠡᠭᠡᠨ ᠵᠠᠰᠠᠬᠣ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠡᠯᠸᠺᠲᠷᠤᠨ ᠵᠠᠰᠠᠭ᠎ᠤᠨ ᠶᠠᠪᠤᠳᠠᠯ᠎ᠤᠨ ᠭᠠᠵᠠᠷ᠎ᠤᠨ ᠳᠠᠷᠤᠭ᠎ᠠ ᠡᠾᠸ ᠪᠢᠶᠤᠤ ᠡᠷᠬᠢᠮ ᠵᠣᠴᠢᠨ᠎ᠳᠤ ᠪᠠᠷ᠎ᠠ ᠪᠣᠯᠵᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠫᠤᠷᠲᠸᠯ ᠰᠦᠯᠵᠢᠶ᠎ᠡ ᠵᠢ ᠲᠤᠭᠤᠷᠢᠨ ᠦᠵᠡᠵᠦ ᠪᠠᠢ᠌ᠭ᠎ᠠ᠎ᠨᠢ

ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠲᠢᠩᠬᠢᠮ᠎ᠤᠨ ᠳᠡᠳ᠋ ᠲᠣᠭᠤᠷᠢᠨ ᠪᠠᠢ᠌ᠴᠠᠭ᠋ᠠᠭᠴᠢ ᠵᠣᠣ ᠳ᠋ᠠ ᠶᠦᠩ 《ᠳᠤᠮᠳᠠᠳᠤ ᠤᠯᠤᠰ ᠥᠪᠥᠷ ᠮᠤᠩᠭᠤᠯ》 ᠰᠦᠯᠵᠢᠶ᠎ᠡ᠎ᠳᠤ ᠰᠠᠭ᠋ᠠᠲᠠᠵᠤ ᠪᠠᠢ᠌ᠭ᠎ᠠ᠎ᠨᠢ