ᠰᠤᠷᠪᠤᠯᠵᠢᠯᠠᠨ ᠶᠠᠷᠢᠯᠴᠠᠭᠰᠠᠨ ᠴᠠᠭ᠄
2015 ᠤᠨ᠎ᠤ 7 ᠳ᠋ᠤᠭ᠋ᠠᠷ ᠰᠠᠷ᠎ᠠ ᠵᠢᠨ30᠎ᠤ ᠡᠳᠦᠷ᠎ᠤᠨ ᠦᠳᠡ ᠵᠢᠨ ᠡᠮᠦᠨ᠎ᠡ ᠵᠢᠨ 10 ᠴᠠᠭ
ᠰᠤᠷᠪᠤᠯᠵᠢᠯᠠᠨ ᠶᠠᠷᠢᠯᠴᠠᠭᠰᠠᠨ ᠵᠣᠴᠢᠨ᠄
ᠤᠯᠠᠭ᠋ᠠᠨᠬᠠᠳᠠ ᠬᠣᠲᠠ ᠵᠢᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠡᠷᠬᠢᠯᠡᠭᠴᠢ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠲᠥᠪ᠎ᠤᠨ ᠡᠷᠬᠢᠯᠡᠭᠴᠢ ᠹᠸᠩ ᠯᠢ ᠰᠠᠨ
ᠰᠤᠷᠪᠤᠯᠵᠢᠯᠠᠨ ᠶᠠᠷᠢᠯᠴᠠᠭᠰᠠᠨ ᠲᠣᠪᠴᠢ᠄
ᠣᠶ᠋ᠢᠷ᠎ᠠ ᠵᠢᠨ ᠵᠢᠯ᠎ᠳᠤ᠂ ᠤᠯᠠᠭ᠋ᠠᠨᠬᠠᠳᠠ ᠬᠣᠲᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠵᠢᠯ᠎ᠢ ᠭᠦᠨᠵᠡᠭᠡᠶ ᠳᠥᠯᠭᠢᠨ ᠠᠬᠢᠭᠤᠯᠬᠤ ᠵᠢ ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ᠎ᠤ ᠬᠦᠴᠦᠨ ᠴᠢᠳᠠᠪᠤᠷᠢ ᠵᠢ ᠳᠡᠭᠡᠭᠰᠢᠯᠡᠭᠦᠯᠬᠦ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭ᠋ᠠᠵᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠣᠳᠠᠲᠤ ᠦᠷ᠎ᠡ ᠪᠦᠲᠦᠮᠵᠢ᠎ᠪᠠᠨ ᠲᠠᠰᠤᠷᠠᠯᠲᠠ ᠦᠭᠡᠶ ᠨᠡᠮᠡᠭᠳᠡᠭᠦᠯᠵᠦ᠂ ᠵᠠᠰᠠᠭ᠎ᠤᠨ ᠣᠷᠳᠣᠨ᠎ᠤ ᠣᠯᠠᠨ ᠨᠡᠶ᠋ᠢᠲᠡ ᠵᠢ ᠢᠲᠡᠭᠡᠭᠦᠯᠬᠦ ᠬᠦᠴᠦᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠂ ᠰᠢᠨ᠎ᠡ ᠵᠢ ᠡᠭᠦᠳᠬᠦ ᠵᠠᠰᠠᠭ᠎ᠤᠨ ᠣᠷᠳᠣᠨ᠂ ᠠᠷᠢᠭᠤᠨ ᠴᠢᠬᠡᠴᠢ ᠵᠠᠰᠠᠭ᠎ᠤᠨ ᠣᠷᠳᠣᠨ ᠪᠠ ᠦᠢ᠍ᠯᠡᠴᠢᠯᠡᠬᠦ ᠬᠡᠯᠪᠡᠷᠢ ᠵᠢᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠠᠬᠢᠭᠤᠯᠪᠠ᠃ ᠬᠣᠯᠪᠣᠭᠳᠠᠯ ᠪᠦᠬᠦᠢ ᠪᠠᠶ᠋ᠢᠳᠠᠯ᠎ᠢ ᠭᠦᠨᠵᠡᠭᠡᠶ ᠣᠢ᠌ᠯᠭ᠋ᠠᠬᠤ ᠵᠢᠨ ᠲᠤᠰᠠᠳᠠ᠂ ᠣᠶ᠋ᠢᠷ᠎ᠠ᠎ᠳᠤ᠂ ᠪᠢᠳᠡ ᠤᠯᠠᠭ᠋ᠠᠨᠬᠠᠳᠠ ᠬᠣᠲᠠ ᠵᠢᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠡᠷᠬᠢᠯᠡᠭᠴᠢ᠂ ᠤᠯᠠᠭ᠋ᠠᠨᠬᠠᠳᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠲᠥᠪ᠎ᠤᠨ ᠡᠷᠬᠢᠯᠡᠭᠴᠢ ᠹᠸᠩ ᠯᠢ ᠰᠠᠨ᠎ᠢ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶ᠎ᠡ᠎ᠳᠤ ᠤᠷᠢᠵᠤ᠂ ᠳᠠᠶᠠᠭ᠋ᠠᠷ ᠣᠯᠠᠨ᠎ᠲᠠᠢ ᠶᠠᠷᠢᠯᠴᠠᠭᠤᠯᠬᠤ ᠪᠤᠯᠤᠨ᠎ᠠ᠃ ᠥᠷᠭᠡᠨ ᠣᠯᠠᠨ ᠰᠦᠯᠵᠢᠶᠡᠨ ᠠᠨᠳᠠ ᠨᠡᠷ ᠲᠤᠬᠠᠢ ᠵᠢᠨ ᠴᠠᠭᠲᠤᠨᠢ ᠢᠳᠡᠪᠬᠢᠲᠡᠶ ᠣᠷᠣᠯᠴᠠᠬᠤ ᠵᠢ ᠪᠠᠶᠠᠷᠯᠠᠨ ᠤᠭᠲᠤᠵᠤ ᠪᠠᠶ᠋ᠢᠨ᠎ᠠ!
[ᠬᠥᠲᠥᠯᠥᠭᠴᠢ]᠄
ᠰᠦᠯᠵᠢᠶᠡᠨ ᠠᠨᠳᠠ ᠨᠡᠷ᠂ ᠰᠠᠶ᠋ᠢᠨ ᠪᠠᠢ᠌ᠵᠠᠭ᠋ᠠᠨ᠎ᠠ ᠦᠦ! ᠲᠤᠰ ᠬᠤᠭᠤᠴᠠᠭ᠋ᠠᠨ᠎ᠤ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠶ᠋ᠢᠨ᠎ᠠ᠃
ᠣᠶ᠋ᠢᠷ᠎ᠠ ᠵᠢᠨ ᠵᠢᠯ᠎ᠳᠤ᠂ ᠤᠯᠠᠭ᠋ᠠᠨᠬᠠᠳᠠ ᠬᠣᠲᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠵᠢᠯ᠎ᠢ ᠭᠦᠨᠵᠡᠭᠡᠶ ᠳᠥᠯᠭᠢᠨ ᠠᠬᠢᠭᠤᠯᠬᠤ ᠵᠢ ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ᠎ᠤ ᠬᠦᠴᠦᠨ ᠴᠢᠳᠠᠪᠤᠷᠢ ᠵᠢ ᠳᠡᠭᠡᠭᠰᠢᠯᠡᠭᠦᠯᠬᠦ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭ᠋ᠠᠵᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠣᠳᠠᠲᠤ ᠦᠷ᠎ᠡ ᠪᠦᠲᠦᠮᠵᠢ᠎ᠪᠠᠨ ᠲᠠᠰᠤᠷᠠᠯᠲᠠ ᠦᠭᠡᠶ ᠨᠡᠮᠡᠭᠳᠡᠭᠦᠯᠵᠦ᠂ ᠵᠠᠰᠠᠭ᠎ᠤᠨ ᠣᠷᠳᠣᠨ᠎ᠤ ᠣᠯᠠᠨ ᠨᠡᠶ᠋ᠢᠲᠡ ᠵᠢ ᠢᠲᠡᠭᠡᠭᠦᠯᠬᠦ ᠬᠦᠴᠦᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠂ ᠰᠢᠨ᠎ᠡ ᠵᠢ ᠡᠭᠦᠳᠬᠦ ᠵᠠᠰᠠᠭ᠎ᠤᠨ ᠣᠷᠳᠣᠨ᠂ ᠠᠷᠢᠭᠤᠨ ᠴᠢᠬᠡᠴᠢ ᠵᠠᠰᠠᠭ᠎ᠤᠨ ᠣᠷᠳᠣᠨ ᠪᠠ ᠦᠢ᠍ᠯᠡᠴᠢᠯᠡᠬᠦ ᠬᠡᠯᠪᠡᠷᠢ ᠵᠢᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠠᠬᠢᠭᠤᠯᠪᠠ᠃ ᠬᠣᠯᠪᠣᠭᠳᠠᠯ ᠪᠦᠬᠦᠢ ᠪᠠᠶ᠋ᠢᠳᠠᠯ᠎ᠢ ᠭᠦᠨᠵᠡᠭᠡᠶ ᠣᠢ᠌ᠯᠭ᠋ᠠᠬᠤ ᠵᠢᠨ ᠲᠤᠰᠠᠳᠠ᠂ ᠣᠶ᠋ᠢᠷ᠎ᠠ᠎ᠳᠤ᠂ ᠪᠢᠳᠡ ᠤᠯᠠᠭ᠋ᠠᠨᠬᠠᠳᠠ ᠬᠣᠲᠠ ᠵᠢᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠡᠷᠬᠢᠯᠡᠭᠴᠢ᠂ ᠤᠯᠠᠭ᠋ᠠᠨᠬᠠᠳᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠲᠥᠪ᠎ᠤᠨ ᠡᠷᠬᠢᠯᠡᠭᠴᠢ ᠹᠸᠩ ᠯᠢ ᠰᠠᠨ᠎ᠢ ᠤᠷᠢᠵᠤ ᠥᠷᠭᠡᠨ ᠣᠯᠠᠨ ᠰᠦᠯᠵᠢᠶᠡᠨ ᠠᠨᠳᠠ ᠨᠡᠷ᠎ᠲᠤ ᠨᠠᠷᠢᠨ ᠲᠣᠳᠣᠷᠬᠠᠶ ᠲᠠᠶ᠋ᠢᠯᠪᠤᠷᠢᠯᠠᠯᠲᠠ ᠬᠢᠯᠬᠡᠬᠦ᠎ᠪᠠᠷ ᠪᠣᠯᠪᠠ᠃ ᠥᠷᠭᠡᠨ ᠣᠯᠠᠨ ᠰᠦᠯᠵᠢᠶᠡᠨ ᠠᠨᠳᠠ ᠨᠡᠷ ᠵᠢᠨ ᠢᠳᠡᠪᠬᠢᠲᠡᠶ ᠣᠷᠣᠯᠴᠠᠬᠤ ᠵᠢ ᠪᠠᠶᠠᠷᠯᠠᠨ ᠤᠭᠲᠤᠵᠤ ᠪᠠᠶ᠋ᠢᠨ᠎ᠠ᠃ ᠹᠧᠩ ᠡᠷᠬᠢᠯᠡᠭᠴᠢ ᠡ᠂ ᠲᠠᠨ᠎ᠢ ᠪᠠᠶᠠᠷᠯᠠᠨ ᠤᠭᠲᠤᠵᠤ ᠪᠠᠢ᠌ᠨ᠎ᠠ!
[ ᠹᠸᠩ ᠯᠢ ᠰᠠᠨ]᠄
ᠬᠦᠲᠦᠯᠦᠭᠴᠢ ᠰᠠᠢ᠌ᠨ ᠤᠤ? ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨ᠎ᠠ ᠦᠦ? 《ᠳᠤᠮᠳᠠᠳᠤ ᠤᠯᠤᠰ · ᠥᠪᠥᠷ ᠮᠣᠩᠭᠣᠯ 》 ᠰᠦᠯᠵᠢᠶ᠎ᠡ᠎ᠪᠠᠷ ᠳᠠᠮᠵᠢᠭᠤᠯᠤᠨ ᠲᠠ ᠪᠦᠬᠦᠨ᠎ᠲᠠᠢ ᠵᠣᠭᠤᠭᠳᠠᠬᠤ ᠪᠣᠯᠣᠭᠰᠠᠨ᠎ᠳᠠᠭᠠᠨ ᠮᠠᠰᠢ ᠪᠠᠶᠠᠷᠯᠠᠵᠤ ᠪᠠᠢ᠌ᠨ᠎ᠠ᠃ ᠮᠠᠨ᠎ᠤ ᠤᠯᠠᠭ᠋ᠠᠨᠬᠠᠳᠠ ᠬᠣᠲᠠ ᠵᠢᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠠᠩᠬᠠᠷᠴᠦ ᠳᠡᠮᠵᠢᠭᠰᠡᠭᠡᠷ ᠢᠷᠡᠭᠰᠡᠨ ᠲᠠ ᠪᠦᠬᠦᠨ᠎ᠳᠤ ᠲᠠᠯᠠᠷᠬᠠᠵᠣ ᠪᠠᠢ᠌ᠨ᠎ᠠ !
[ᠬᠥᠲᠥᠯᠥᠭᠴᠢ]᠄
ᠣᠶ᠋ᠢᠷ᠎ᠠ ᠵᠢᠨ ᠵᠢᠯ᠎ᠳᠤ᠂ ᠤᠯᠠᠭ᠋ᠠᠨᠬᠠᠳᠠ ᠬᠣᠲᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠳᠤ ᠴᠥᠮ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ?
[ ᠹᠸᠩ ᠯᠢ ᠰᠠᠨ]᠄
ᠡᠨᠡ ᠵᠢᠯ᠎ᠤᠨ 5 ᠳ᠋ᠤᠭ᠋ᠠᠷ ᠰᠠᠷ᠎ᠠ ᠪᠠ 6 ᠳ᠋ᠤᠭ᠋ᠠᠷ ᠰᠠᠷ᠎ᠠ᠎ᠳᠤ᠂ ᠤᠯᠠᠭ᠋ᠠᠨᠬᠠᠳᠠ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠭᠣᠣᠯ ᠬᠠᠷᠢᠭᠤᠴᠠᠵᠤ ᠪᠠᠢ᠌ᠭ᠎ᠠ ᠨᠥᠬᠥᠳ ᠲᠤᠰ ᠲᠤᠰ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠯᠠᠭ᠎ᠠ ᠵᠢᠨ ᠲᠥᠪ᠎ᠲᠤ ᠪᠠᠶ᠋ᠢᠴᠠᠭ᠋ᠠᠨ ᠰᠤᠳᠤᠯᠤᠯᠲᠠ ᠬᠢᠵᠦ᠂ ᠬᠠᠮᠢᠶ᠎ᠠ ᠪᠦᠬᠦᠢ ᠠᠵᠢᠯ᠎ᠢ ᠪᠡᠶ᠎ᠡ᠎ᠪᠠᠷ ᠵᠶ᠋ᠠᠨ ᠰᠤᠳᠤᠯᠤᠨ ᠪᠠᠶ᠋ᠢᠷᠢᠯᠠᠭᠤᠯᠪᠠ᠃ ᠣᠶ᠋ᠢᠷ᠎ᠠ ᠵᠢᠨ ᠵᠢᠯ᠎ᠤᠨ ᠲᠠᠰᠤᠷᠠᠯᠲᠠ ᠦᠭᠡᠶ ᠴᠢᠷᠮᠠᠢ᠌ᠯᠭ᠎ᠠ᠎ᠪᠠᠷ ᠳᠠᠮᠵᠢᠭ᠋ᠠᠳ᠂ ᠤᠯᠠᠭ᠋ᠠᠨᠬᠠᠳᠠ ᠬᠣᠲᠠ ᠵᠢᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠲᠣᠭᠲᠠᠴᠠ ᠠᠯᠬᠤᠮ ᠠᠯᠬᠤᠮ ᠵᠶ᠋ᠠᠷ ᠪᠠᠢ᠌ᠭᠤᠯᠤᠭᠳᠠᠨ ᠪᠦᠷᠢᠨᠰᠢᠵᠦ ᠪᠠᠢ᠌ᠨ᠎ᠠ᠃
(ᠨᠢᠭᠡ) ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠤᠳᠤᠷᠢᠳᠬᠤ ᠪᠠᠶ᠋ᠢᠭᠤᠯᠤᠯ ᠲᠠᠰᠤᠷᠠᠯᠲᠠ ᠦᠭᠡᠶ ᠰᠢᠯᠤᠭᠤᠳᠪᠠ᠃ ᠮᠠᠨ᠎ᠤ ᠬᠣᠲᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠤᠳᠤᠷᠢᠳᠬᠤ ᠳᠤᠭᠤᠶ᠋ᠢᠯᠠᠩ ᠪᠠᠶ᠋ᠢᠭᠤᠯᠵᠤ᠂ ᠤᠳᠤᠷᠢᠳᠬᠤ ᠳᠤᠭᠤᠶ᠋ᠢᠯᠠᠩ᠎ᠤᠨ ᠳᠠᠷᠤᠭ᠎ᠠ ᠵᠢᠨ ᠲᠤᠰᠢᠶᠠᠯ᠎ᠢ ᠬᠣᠲᠠ ᠵᠢᠨ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠬᠣᠲᠠ ᠵᠢᠨ ᠪᠠᠶ᠋ᠢᠩᠭᠤ ᠵᠢᠨ ᠳᠡᠳ᠋ ᠳᠠᠷᠤᠭ᠎ᠠ ᠡᠭᠦᠷᠭᠡᠯᠡᠵᠦ᠂ ᠪᠦᠷᠢᠯᠳᠦᠬᠦᠨ᠎ᠳᠤᠨᠢ ᠬᠣᠲᠠ ᠵᠢᠨ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ᠂ ᠵᠠᠰᠠᠭ᠎ᠤᠨ ᠣᠷᠳᠣᠨ᠎ᠤ ᠠᠯᠪᠠᠨ ᠲᠢᠩᠬᠢᠮ᠂ ᠤᠬᠠᠭᠤᠯᠬᠤ ᠬᠡᠯᠲᠡᠰ᠂ ᠵᠣᠬᠢᠶᠠᠨ ᠪᠠᠶ᠋ᠢᠭᠤᠯᠬᠤ ᠬᠡᠯᠲᠡᠰ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠢᠯᠲᠠᠨ᠎ᠤ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ ᠵᠡᠷᠭᠡ ᠬᠣᠯᠪᠣᠭᠳᠠᠯ ᠪᠦᠬᠦᠢ ᠬᠡᠯᠲᠡᠰ ᠬᠣᠷᠢᠶ᠎ᠠ ᠠᠯᠪᠠᠨ ᠭᠡᠷ ᠲᠣᠪᠴᠢᠶ᠎ᠠ ᠵᠢᠨ ᠬᠠᠷᠢᠭᠤᠴᠠᠯᠭ᠋ᠠᠲᠠᠳ ᠪᠤᠢ᠃ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠢ ᠬᠣᠲᠠ ᠵᠢᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠳᠤ ᠲᠣᠬᠢᠷᠠᠭᠤᠯᠵᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠪᠣᠳᠠᠲᠠᠶ ᠵᠣᠬᠢᠶᠠᠨ ᠪᠠᠢ᠌ᠭᠤᠯᠤᠨ ᠬᠡᠷᠡᠭᠵᠢᠭᠦᠯᠪᠡ᠃ ᠡᠭᠦᠨ᠎ᠤ ᠬᠠᠮᠲᠤ᠂ ᠬᠣᠲᠠ ᠵᠢᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠪᠦᠬᠦ ᠬᠣᠲᠠ ᠵᠢᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠᠢ᠌ᠵᠤ᠂ ᠪᠦᠬᠦ ᠬᠣᠲᠠ ᠵᠢᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠳᠥᠯᠭᠢᠨ ᠠᠬᠢᠭᠤᠯᠬᠤ᠂ ᠵᠢᠯᠣᠭᠣᠳᠬᠤ᠂ ᠵᠣᠬᠢᠴᠠᠭᠤᠯᠬᠤ ᠪᠠ ᠬᠢᠨᠠᠯᠲᠠ ᠲᠠᠯᠪᠢᠬᠤ ᠵᠢ ᠬᠠᠷᠢᠭᠤᠴᠠᠪᠠ᠃ ᠡᠨᠡ ᠬᠦ᠌ ᠠᠵᠢᠯ᠎ᠢ ᠦᠨᠡᠨ ᠬᠦ᠌ ᠴᠢᠩᠭ᠋ᠠᠳᠬᠠᠬᠤ ᠵᠢᠨ ᠲᠤᠰᠠᠳᠠ᠂ ᠬᠣᠲᠠ ᠵᠢᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠰᠠᠯᠠᠭ᠎ᠠ ᠪᠠᠢ᠌ᠭᠤᠯᠵᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠬᠡᠷᠡᠭ ᠡᠷᠬᠢᠯᠡᠬᠦ ᠪᠠᠶ᠋ᠢᠭᠤᠯᠤᠮᠵᠢ ᠪᠣᠯᠭ᠋ᠠᠨ᠂ 3 ᠨᠦᠬᠦᠷ ᠲᠣᠬᠢᠷᠠᠭᠤᠯᠵᠤ ᠲᠤᠰᠬᠠᠶ᠋ᠢᠯᠠᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠠ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠬᠠᠷᠢᠴᠠᠭᠤᠯᠤᠨ᠂ ᠡᠨᠡᠬᠥ ᠠᠵᠢᠯ᠎ᠢ ᠠᠳᠬᠤᠬᠤ ᠬᠥᠮᠥᠨ᠎ᠲᠠᠢ᠂ ᠬᠠᠮᠢᠶᠠᠷᠬᠤ ᠬᠥᠮᠦᠨ᠎ᠲᠠᠢ ᠪᠣᠯᠭ᠋ᠠᠵᠤ᠂ ᠬᠣᠲᠠ ᠵᠢᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠢᠭᠡᠨ ᠴᠢᠬᠤᠯᠠ ᠠᠵᠢᠯ ᠪᠣᠯᠭ᠋ᠠᠪᠠ᠃ ᠡᠯ᠎ᠡ ᠬᠣᠰᠢᠭᠤ ᠰᠢᠶᠠᠨ ᠲᠣᠭᠣᠷᠢᠭ᠂ ᠬᠣᠲᠠ ᠵᠢᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠭᠡᠷ ᠲᠣᠪᠴᠢᠶᠠᠨᠤᠭᠤᠳ ᠴᠦ᠍ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠤᠳᠤᠷᠢᠳᠬᠤ ᠳᠤᠭᠤᠶ᠋ᠢᠯᠠᠩ᠎ᠢ ᠵᠣᠬᠢᠴᠠᠩᠭᠤᠢ᠎ᠪᠠᠷ ᠪᠠᠢ᠌ᠭᠤᠯᠪᠠ᠃ ᠪᠦᠬᠦ ᠬᠣᠲᠠ ᠵᠢᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠨᠢ ᠬᠥᠨᠳᠡᠯᠡᠨ ᠵᠶ᠋ᠡᠷ ᠡᠯ᠎ᠡ ᠱᠠᠲᠤᠨ᠎ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠲᠤ ᠬᠦᠷᠴᠦ᠂ ᠭᠤᠯᠳᠤ᠎ᠪᠠᠷ ᠰᠤᠮᠤ ᠰᠢᠶᠠᠩ ᠪᠠᠯᠭ᠋ᠠᠰᠤ ᠵᠢᠨ ᠦᠨᠳᠦᠰᠦᠨ ᠱᠠᠲᠤᠨ᠎ᠤ ᠥᠷᠲᠡᠭᠡ ᠭᠠᠵᠠᠷ᠎ᠲᠤ ᠬᠦᠷᠴᠦ᠂ ᠨᠢᠭᠡ ᠱᠠᠲᠤ᠎ᠨᠢ ᠨᠢᠭᠡ ᠱᠠᠲᠤ᠎ᠪᠠᠨ ᠠᠳᠬᠤᠬᠤ᠂ ᠨᠢᠭᠡ ᠱᠠᠲᠤ᠎ᠨᠢ ᠨᠢᠭᠡ ᠱᠠᠲᠤ᠎ᠪᠠᠨ ᠠᠬᠢᠭᠤᠯᠬᠤ᠂ ᠳᠡᠭᠡᠳᠦ ᠳᠣᠣᠷᠠᠳᠤ ᠱᠠᠲᠤ᠎ᠪᠠᠷ ᠵᠶ᠋ᠠᠨ ᠬᠠᠮᠲᠤᠷᠠᠨ ᠬᠥᠳᠡᠯᠦᠯᠴᠡᠬᠦ᠂ ᠴᠣᠭ ᠵᠶ᠋ᠠᠷ ᠠᠳᠬᠤᠵᠤ ᠬᠠᠮᠲᠤ᠎ᠪᠠᠷ ᠬᠠᠮᠢᠶᠠᠷᠬᠤ ᠠᠵᠢᠯ᠎ᠤᠨ ᠪᠠᠶ᠋ᠢᠳᠠᠯ᠎ᠢ ᠪᠤᠶ ᠪᠣᠯᠭ᠋ᠠᠪᠠ᠃
[ ᠹᠸᠩ ᠯᠢ ᠰᠠᠨ]᠄
(ᠬᠣᠶᠠᠷ) ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠳᠦᠷᠢᠮ ᠲᠠᠰᠤᠷᠠᠯᠲᠠ ᠦᠭᠡᠶ ᠲᠡᠭᠦᠯᠳᠡᠷᠵᠢᠪᠡ᠃ ᠣᠶ᠋ᠢᠷ᠎ᠠ ᠵᠢᠨ ᠵᠢᠯ᠎ᠳᠤ᠂ ᠮᠠᠨ᠎ᠤ ᠬᠣᠲᠠ ᠤᠷᠢᠳ ᠬᠣᠵᠢᠳ 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠪᠠ ᠭᠤᠶᠤᠴᠢᠯᠠᠯ ᠶᠣᠰᠣᠭ᠋ᠠᠷ ᠢᠯᠡ ᠪᠣᠯᠭ᠋ᠠᠬᠤ ᠳᠦᠷᠢᠮ》᠂ 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ᠎ᠳᠠᠬᠢ ᠨᠢᠭᠤᠴᠠ ᠵᠢ ᠬᠠᠮᠠᠭ᠋ᠠᠯᠠᠬᠤ ᠵᠢᠨ ᠬᠢᠨᠠᠨ ᠪᠠᠶ᠋ᠢᠴᠠᠭ᠋ᠠᠬᠤ ᠳᠦᠷᠢᠮ》᠂ 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠰᠢᠯᠭ᠋ᠠᠨ ᠬᠢᠨᠠᠬᠤ ᠳᠦᠷᠢᠮ》᠂ 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠨᠡᠶ᠋ᠢᠭᠡᠮ᠎ᠤᠨ ᠵᠥᠪᠳᠡᠯᠴᠡᠬᠦ ᠳᠦᠷᠢᠮ》᠂ 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠣᠭᠲᠠᠭ᠋ᠠᠯ᠎ᠢ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ》᠂ 《ᠰᠣᠨᠢᠨ ᠮᠡᠳᠡᠭᠡ ᠵᠢᠨ ᠥᠭᠥᠯᠡᠭᠴᠢ ᠵᠢᠨ ᠳᠦᠷᠢᠮ》᠂ 《ᠵᠠᠰᠠᠭ᠎ᠤᠨ ᠣᠷᠳᠣᠨ᠎ᠤ ᠮᠡᠳᠡᠭᠡ ᠵᠠᠩᠭᠢ ᠨᠡᠢ᠌ᠲᠡᠯᠡᠬᠦ ᠵᠢᠨ ᠵᠣᠬᠢᠴᠠᠭᠤᠯᠬᠤ ᠳᠦᠷᠢᠮ》 ᠵᠡᠷᠭᠡ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠯᠢ ᠣᠯᠠᠨ ᠬᠠᠮᠢᠶ᠎ᠠ ᠪᠦᠬᠦᠢ ᠳᠦᠷᠢᠮ᠎ᠢ ᠲᠣᠭᠲᠠᠭ᠋ᠠᠪᠠ᠃ ᠡᠭᠦᠨ᠎ᠳᠤ 《ᠰᠣᠨᠢᠨ ᠮᠡᠳᠡᠭᠡ ᠵᠢᠨ ᠦᠭᠦᠯᠡᠭᠴᠢ ᠵᠢᠨ ᠳᠦᠷᠢᠮ》᠎ᠳᠤ ᠰᠣᠨᠢᠨ ᠮᠡᠳᠡᠭᠡ ᠵᠢᠨ ᠦᠭᠦᠯᠡᠭᠴᠢ ᠵᠢ ᠶᠠᠮᠠᠷ ᠬᠥᠮᠦᠨ ᠡᠭᠦᠷᠭᠡᠯᠡᠪᠡᠰᠦ ᠵᠣᠬᠢᠬᠤ᠂ ᠰᠣᠨᠢᠨ ᠮᠡᠳᠡᠭᠡ ᠨᠡᠶ᠋ᠢᠲᠡᠯᠡᠬᠦ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ᠂ ᠰᠣᠨᠢᠨ ᠮᠡᠳᠡᠭᠡ ᠨᠡᠶ᠋ᠢᠲᠡᠯᠡᠬᠦ ᠠᠭᠤᠯᠭ᠎ᠠ᠂ ᠰᠣᠨᠢᠨ ᠮᠡᠳᠡᠭᠡ ᠨᠡᠶ᠋ᠢᠲᠡᠯᠡᠬᠦ ᠬᠡᠯᠪᠡᠷᠢ᠂ ᠬᠠᠮᠢᠶᠠᠷᠤᠯᠲᠠ ᠪᠠ ᠵᠥᠪᠰᠢᠶᠡᠷᠡᠯᠲᠡ ᠵᠡᠷᠭᠡ ᠰᠣᠨᠢᠨ ᠮᠡᠳᠡᠭᠡ ᠦᠭᠦᠯᠡᠬᠦ ᠵᠢᠨ ᠬᠠᠮᠢᠶ᠎ᠠ ᠪᠦᠬᠦᠢ ᠴᠢᠬᠤᠯᠠ ᠬᠦᠴᠦᠨ ᠵᠦᠢ᠍ᠯ᠎ᠢ ᠲᠣᠲᠣᠷᠬᠠᠢ᠌ᠯᠠᠪᠠ; 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ᠎ᠳᠠᠬᠢ ᠨᠢᠭᠤᠴᠠ ᠵᠢ ᠬᠠᠮᠠᠭ᠋ᠠᠯᠠᠬᠤ ᠵᠢᠨ ᠬᠢᠨᠠᠨ ᠪᠠᠶ᠋ᠢᠴᠠᠭ᠋ᠠᠬᠤ ᠳᠦᠷᠢᠮ》᠎ᠳᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ᠎ᠳᠠᠬᠢ ᠨᠢᠭᠤᠴᠠ ᠵᠢ ᠬᠠᠮᠠᠭ᠋ᠠᠯᠠᠬᠤ ᠵᠢᠨ ᠬᠢᠨᠠᠨ ᠪᠠᠶ᠋ᠢᠴᠠᠭ᠋ᠠᠵᠤ ᠵᠥᠪᠰᠢᠶᠡᠷᠡᠬᠦ ᠳᠠᠷᠠᠭ᠋ᠠᠯᠠᠯ᠂ ᠢᠯᠡ ᠪᠣᠯᠭ᠋ᠠᠵᠤ ᠪᠣᠯᠬᠤ ᠦᠭᠡᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠲᠥᠷᠥᠯ ᠵᠦᠢ᠍ᠯ ᠵᠡᠷᠭᠡ ᠠᠭᠤᠯᠭ᠎ᠠ ᠵᠢ ᠲᠣᠲᠣᠷᠬᠠᠢ᠌ᠯᠠᠪᠠ; 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠪᠠ ᠭᠤᠶᠤᠴᠢᠯᠠᠯ ᠶᠣᠰᠣᠭ᠋ᠠᠷ ᠢᠯᠡ ᠪᠣᠯᠭ᠋ᠠᠬᠤ ᠳᠦᠷᠢᠮ》᠎ᠳᠤ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠲᠥᠷᠥᠯ ᠵᠦᠢ᠍ᠯ ᠪᠠ ᠢᠯᠡ ᠪᠣᠯᠭ᠋ᠠᠬᠤ ᠳᠡᠰ ᠳᠠᠷᠠᠭ᠋ᠠᠯᠠᠯ ᠵᠢᠴᠢ ᠨᠢᠭᠡᠨᠲᠡ ᠭᠤᠶᠤᠴᠢᠯᠠᠭ᠋ᠠᠳ ᠢᠯᠡ ᠪᠣᠯᠭ᠋ᠠᠵᠤ ᠪᠣᠯᠬᠤ ᠲᠥᠷᠥᠯ ᠵᠦᠢ᠍ᠯ ᠪᠠ ᠭᠦᠢ᠍ᠴᠡᠳᠬᠡᠬᠦ ᠳᠡᠰ ᠳᠠᠷᠠᠭ᠋ᠠᠯᠠᠯ᠎ᠢ ᠲᠣᠲᠣᠷᠬᠠᠢ᠌ᠯᠠᠪᠠ᠃ ᠪᠣᠳᠠᠲᠠᠶ ᠠᠵᠢᠯ᠎ᠤᠨ ᠳᠤᠮᠳᠠ᠂ ᠮᠠᠨ᠎ᠤ ᠬᠣᠲᠠ ᠡᠳᠡᠭᠡᠷ ᠳᠦᠷᠢᠮ᠎ᠢ ᠬᠢᠨᠠᠮᠠᠭ᠋ᠠᠶ ᠲᠤᠤᠱᠯᠠᠭᠤᠯᠤᠨ ᠬᠡᠷᠡᠭᠵᠢᠭᠦᠯᠵᠦ᠂ ᠮᠡᠳᠡᠭᠡ ᠵᠠᠩᠭᠢ ᠵᠢ ᠢᠯᠡ ᠪᠣᠯᠭ᠋ᠠᠬᠤ᠎ᠳᠠᠬᠢ ᠨᠢᠭᠤᠴᠠ ᠵᠢ ᠬᠠᠮᠠᠭ᠋ᠠᠯᠠᠬᠤ ᠵᠢᠨ ᠬᠢᠨᠠᠨ ᠪᠠᠶ᠋ᠢᠴᠠᠭ᠋ᠠᠬᠤ ᠲᠣᠭᠲᠠᠴᠠ ᠵᠢ ᠠᠯᠪᠠᠨ ᠪᠢᠴᠢᠭ᠎ᠢ ᠡᠷᠭᠢᠯᠳᠦᠭᠦᠯᠬᠦ᠂ ᠮᠡᠳᠡᠭᠡ ᠵᠠᠩᠭᠢ ᠨᠡᠶ᠋ᠢᠲᠡᠯᠡᠬᠦ ᠳᠡᠰ ᠳᠠᠷᠠᠭ᠋ᠠᠯᠠᠯ᠎ᠲᠠᠢ ᠤᠶᠠᠯᠳᠤᠭᠤᠯᠵᠤ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠴᠠᠭ ᠲᠤᠬᠠᠶ᠎ᠳᠤᠨᠢ ᠪᠠᠢ᠌ᠯᠭ᠋ᠠᠬᠤ ᠵᠢ ᠪᠠᠲᠤᠯᠠᠭᠰᠠᠨ ᠮᠥᠷᠲᠡᠭᠡᠨ ᠪᠠᠰᠠ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠪᠠ᠃
[ ᠹᠸᠩ ᠯᠢ ᠰᠠᠨ]᠄
(ᠭᠤᠷᠪᠠ) ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠲᠠᠪᠴᠠᠨᠭ᠌᠎ᠤᠨ ᠪᠦᠲᠦᠭᠡᠨ ᠪᠠᠢ᠌ᠭᠤᠯᠤᠯᠲᠠ ᠲᠠᠰᠤᠷᠠᠯᠲᠠ ᠦᠭᠡᠢ ᠴᠢᠨᠭ᠌ᠭ᠋ᠠᠳᠬᠠᠭᠳᠠᠪᠠ᠃ ᠨᠢᠭᠡ᠎ᠳᠤ ᠵᠠᠰᠠᠭ᠎ᠤᠨ ᠤᠷᠳᠤᠨ᠎ᠤ ᠰᠦᠯᠵᠢᠶᠡᠨ᠎ᠤ ᠴᠢᠳᠠᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠮᠠᠨ᠎ᠤ ᠬᠤᠲᠠ ᠵᠠᠰᠠᠭ᠎ᠤᠨ ᠤᠷᠳᠤᠨ᠎ᠤ ᠰᠦᠯᠵᠢᠶᠡᠨ᠎ᠤ ᠪᠦᠲᠦᠭᠡᠨ ᠪᠠᠢ᠌ᠭᠤᠯᠤᠯᠲᠠ ᠪᠤᠯᠤᠨ ᠬᠠᠮᠢᠶᠠᠷᠤᠯᠲᠠ᠎ᠪᠠᠨ ᠲᠠᠰᠤᠷᠤᠯᠲᠠ ᠦᠭᠡᠢ ᠴᠢᠨᠭ᠌ᠭ᠋ᠠᠳᠬᠠᠨ᠂ ᠵᠠᠰᠠᠭ᠎ᠤᠨ ᠤᠷᠳᠤᠨ᠎ᠤ ᠰᠦᠯᠵᠢᠶ᠎ᠡ ᠵᠢ ᠴᠠᠭ ᠲᠤᠬᠠᠢᠳᠤᠨᠢ ᠤᠨᠤᠪᠴᠢᠲᠠᠢ᠂ ᠢᠯᠡ ᠲᠤᠳᠤ ᠵᠠᠰᠠᠭ᠎ᠤᠨ ᠤᠷᠳᠤᠨ᠎ᠤ ᠮᠡᠳᠡᠭᠡ ᠵᠠᠨᠭ᠌ᠬᠢ ᠨᠡᠢ᠌ᠲᠡᠯᠡᠬᠦ ᠲᠠᠪᠴᠠᠨᠭ᠌ ᠪᠤᠯᠭ᠋ᠠᠨ ᠪᠠᠢ᠌ᠭᠤᠯᠪᠠ᠃ ᠵᠠᠰᠠᠭ᠎ᠤᠨ ᠣᠷᠳᠣᠨ᠎ᠤ ᠰᠦᠯᠵᠢᠶᠡᠨ᠎ᠤ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢᠨ ᠲᠤᠰᠠᠳᠠ᠂ 2014 ᠣᠨ᠎ᠳᠤ ᠮᠠᠨ᠎ᠤ ᠬᠣᠲᠠ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠬᠡᠪ᠎ᠢ ᠦᠭᠡᠷᠡᠴᠢᠯᠡᠵᠣ᠂ ᠰᠦᠯᠵᠢᠶ᠎ᠡ᠎ᠳᠤ ᠬᠠᠤᠯᠢ ᠶᠣᠰᠣᠭ᠋ᠠᠷ ᠵᠠᠰᠠᠭ ᠶᠠᠪᠤᠭᠤᠯᠬᠤ᠂ ᠡᠳ᠋᠎ᠤᠨ ᠵᠠᠰᠠᠭ᠎ᠤᠨ ᠲᠥᠰᠦᠪ ᠪᠤᠯᠤᠨ ᠲᠥᠰᠦᠪ᠎ᠤᠨ ᠭᠦᠢ᠍ᠴᠡᠳᠬᠡᠯ ᠬᠢᠭᠡᠳ 《ᠭᠤᠷᠪᠠᠨ ᠠᠯᠪᠠᠨ ᠶᠠᠪᠤᠳᠠᠯ᠎ᠤᠨ ᠵᠠᠷᠤᠳᠠᠯ》᠂ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ᠂ ᠣᠷᠴᠢᠨ ᠲᠤᠭᠤᠷᠢᠨ᠎ᠤ ᠬᠠᠮᠠᠭ᠋ᠠᠯᠠᠯᠲᠠ ᠵᠡᠷᠭᠡ ᠭᠣᠣᠯᠳᠠᠯᠭ᠎ᠠ᠎ᠲᠠᠢ ᠬᠦᠷᠢᠶᠡᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠡᠷᠴᠢᠮ᠎ᠢ ᠴᠢᠩᠭ᠋ᠠᠷᠠᠭᠤᠯᠵᠤ᠂ ᠵᠣᠬᠢᠴᠠᠩᠭᠤᠶ ᠲᠤᠰᠬᠠᠶ ᠪᠤᠯᠤᠩ ᠨᠡᠭᠡᠭᠡᠵᠤ᠂ ᠨᠡᠶ᠋ᠢᠭᠡᠮ᠎ᠤᠨ᠎ᠬᠢᠨ᠎ᠤ ᠠᠩᠬᠠᠷᠤᠯ ᠲᠠᠯᠪᠢᠵᠤ ᠪᠠᠶ᠋ᠢᠭ᠎ᠠ ᠵᠦᠢ᠍ᠯ᠎ᠳᠤ ᠢᠳᠡᠪᠬᠢᠲᠡᠶ ᠬᠠᠷᠢᠭᠤᠯᠲᠠ ᠥᠭᠴᠦ᠂ ᠵᠠᠰᠠᠭ᠎ᠤᠨ ᠣᠷᠳᠣᠨ᠎ᠤ ᠠᠵᠢᠯ᠎ᠤᠨ ᠲᠤᠨᠭ᠌ᠭ᠋ᠠᠴᠠ ᠵᠢ ᠳᠡᠭᠡᠭᠰᠢᠯᠡᠭᠦᠯᠪᠡ᠃ ᠤᠯᠠᠭ᠋ᠠᠨᠬᠠᠳᠠ ᠬᠣᠲᠠ ᠵᠢᠨ ᠵᠠᠰᠠᠭ᠎ᠤᠨ ᠣᠷᠳᠣᠨ᠎ᠤ ᠰᠦᠯᠵᠢᠶ᠎ᠡ᠎ᠨᠢ ᠳᠤᠮᠳᠠᠳᠤ ᠤᠯᠤᠰ᠎ᠤᠨ ᠮᠡᠳᠡᠭᠡ ᠵᠠᠩᠭᠢ ᠵᠢᠨ ᠨᠡᠶ᠋ᠢᠭᠡᠮᠯᠢᠭ᠎ᠤᠨ 2014 ᠣᠨ᠎ᠤ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶᠡᠨ᠎ᠤ ᠰᠢᠨ᠎ᠡ ᠵᠠᠭᠤᠴᠢᠯᠠᠭᠤᠷ᠎ᠤᠨ ᠤᠯᠠᠮᠵᠢᠯᠠᠨ ᠲᠠᠷᠬᠠᠭ᠋ᠠᠬᠤ ᠬᠦᠴᠦᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠵᠢᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ 2 ᠳ᠋ᠤᠭ᠋ᠠᠷ ᠨᠡᠷᠡᠳᠤ ᠤᠷᠤᠵᠤ᠂ ᠡᠯᠸᠺᠲᠷᠤᠨ ᠵᠠᠰᠠᠭ᠎ᠤᠨ ᠶᠠᠪᠤᠳᠠᠯ᠎ᠤᠨ ᠬᠡᠷᠡᠭ ᠡᠷᠬᠢᠯᠡᠭᠴᠢᠳ᠎ᠤᠨ ᠵᠦᠪᠯᠡᠯ᠎ᠠᠴᠠ ᠰᠦᠯᠵᠢᠶᠡᠨ᠎ᠤ ᠬᠠᠷᠰᠢ ᠰᠠᠭ᠋ᠠᠳ ᠦᠭᠡᠶ ᠦᠵᠡᠬᠦ ᠪᠤᠯᠤᠩ᠎ᠢ 2014 ᠣᠨ᠎ᠤ ᠵᠠᠰᠠᠭ᠎ᠤᠨ ᠣᠷᠳᠣᠨ᠎ᠤ ᠰᠦᠯᠵᠢᠶᠡᠨ᠎ᠤ ᠵᠠᠰᠠᠭ᠎ᠤᠨ ᠣᠷᠳᠣᠨ ᠪᠤᠯᠤᠨ ᠠᠷᠠᠳ᠎ᠤᠨ ᠬᠠᠮᠲᠤᠷᠠᠨ ᠬᠦᠳᠡᠯᠦᠯᠴᠡᠬᠦ ᠰᠣᠳᠣᠨ ᠪᠤᠯᠤᠩ ᠵᠶ᠋ᠠᠷ ᠦᠨᠡᠯᠡᠪᠡ᠃ ᠬᠣᠶᠠᠷ᠎ᠲᠤ ᠮᠡᠳᠡᠭᠡ ᠵᠠᠩᠭᠢ ᠵᠢ ᠢᠯᠡ ᠪᠣᠯᠭ᠋ᠠᠬᠤ ᠠᠷᠭ᠎ᠠ ᠵᠠᠮ᠎ᠢ ᠤᠯᠠᠮ ᠨᠢᠭᠡ ᠠᠯᠬᠤᠮ ᠡᠯᠪᠡᠭ ᠪᠠᠶᠠᠯᠢᠭ ᠪᠤᠯᠭ᠋ᠠᠪᠠ᠃ ᠰᠦᠯᠵᠢᠶᠡᠨ᠎ᠤ ᠮᠡᠳᠡᠭᠡ ᠵᠠᠩᠭᠢ ᠤᠯᠠᠮᠵᠢᠯᠠᠨ ᠲᠠᠷᠬᠠᠭ᠋ᠠᠬᠤ ᠠᠷᠭ᠎ᠠ ᠵᠠᠮ᠎ᠢ ᠤᠯᠠᠮ ᠨᠢᠭᠡ ᠠᠯᠬᠤᠮ ᠦᠷᠭᠡᠵᠢᠬᠦᠯᠬᠦ ᠵᠢᠨ ᠲᠤᠰᠠᠳᠠ᠂ ᠮᠠᠨ᠎ᠤ ᠬᠤᠲᠠ 2014 ᠤᠨ᠎ᠤ 9 ᠳ᠋ᠤᠭᠡᠷ ᠰᠠᠷ᠎ᠠ᠎ᠳᠤ 《ᠳᠤᠮᠳᠠᠳᠤ ᠤᠯᠤᠰ ᠤᠯᠠᠭ᠋ᠠᠨᠬᠠᠳᠠ》 ᠸᠢᠴᠠᠲ᠎ᠤᠨ ᠣᠯᠠᠨ ᠨᠡᠶ᠋ᠢᠲᠡ ᠵᠢᠨ ᠲᠠᠪᠴᠠᠩ᠎ᠢ ᠨᠡᠭᠡᠭᠡᠭᠰᠡᠨ ᠪᠥᠭᠡᠳ ᠵᠠᠰᠠᠭ᠎ᠤᠨ ᠣᠷᠳᠣᠨ᠎ᠤ ᠫᠤᠷᠲᠸᠯ ᠰᠠᠢ᠌ᠲ᠎ᠤᠨ ᠲᠡᠷᠢᠭᠦᠨ ᠨᠢᠭᠤᠷ᠎ᠲᠤ ᠬᠣᠶᠠᠷ ᠬᠡᠮᠵᠢᠯᠳᠦ ᠺᠣᠳ᠋᠎ᠢ ᠨᠡᠢ᠌ᠲᠡᠯᠡᠪᠡ᠃ 《ᠳᠤᠮᠳᠠᠳᠤ ᠤᠯᠤᠰ ᠤᠯᠠᠭ᠋ᠠᠨᠬᠠᠳᠠ》 ᠸᠢᠴᠠᠲ᠎ᠤᠨ ᠣᠯᠠᠨ ᠨᠡᠶ᠋ᠢᠲᠡ ᠵᠢᠨ ᠲᠠᠪᠴᠠᠩ᠎ᠨᠢ ᠡᠯ᠎ᠡ ᠲᠥᠷᠥᠯ᠎ᠤᠨ ᠡᠷᠭᠡ ᠰᠦᠷᠲᠦ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠨᠡᠶ᠋ᠢᠲᠡᠯᠡᠵᠦ᠂ ᠢᠯᠠᠩᠭᠤᠶ᠎ᠠ ᠣᠯᠠᠨ ᠨᠡᠶ᠋ᠢᠲᠡ ᠵᠢᠨ ᠬᠡᠷᠡᠭ ᠶᠠᠪᠤᠳᠠᠯ ᠪᠣᠯᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠲᠠᠯ᠎ᠠ ᠵᠢᠨ ᠮᠡᠳᠡᠭᠡ ᠵᠠᠩᠭᠢ ᠵᠢ ᠨᠡᠢ᠌ᠲᠡᠯᠡᠵᠤ᠂ ᠥᠷᠭᠡᠨ ᠣᠯᠠᠨ ᠬᠣᠲᠠ ᠵᠢᠨ ᠠᠷᠠᠳ ᠰᠢᠯᠵᠢᠮᠡᠯ ᠳᠠᠪᠲᠠᠭ ᠵᠶ᠋ᠠᠷ ᠳᠠᠮᠵᠢᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠪᠤᠯᠤᠨ ᠦᠢ᠍ᠯᠡᠴᠢᠯᠡᠭᠡ ᠵᠢ ᠴᠠᠭ ᠲᠤᠬᠠᠶ᠎ᠳᠤᠨᠢ ᠤᠯᠬᠤ᠎ᠳᠤ ᠳᠦᠭᠦᠮ ᠪᠤᠯᠭ᠋ᠠᠪᠠ᠃
(ᠳᠥᠷᠪᠡ) ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠤᠯᠪᠠᠰᠤᠷᠠᠭᠤᠯᠤᠯ᠎ᠤᠨ ᠰᠢᠮᠳᠠᠭᠤᠯᠤᠨ ᠪᠠᠢ᠌ᠴᠠᠭ᠋ᠠᠬᠤ ᠵᠢ ᠲᠠᠰᠤᠷᠠᠯᠲᠠ ᠦᠭᠡᠶ ᠴᠢᠨᠭ᠌ᠭ᠋ᠠᠷᠠᠭᠤᠯᠪᠠ᠃ ᠮᠠᠨ᠎ᠤ ᠬᠣᠲᠠ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠪᠤᠯᠪᠠᠰᠤᠷᠠᠭᠤᠯᠤᠯ᠎ᠳᠤ ᠠᠯᠪᠠᠲᠠᠨ᠎ᠤ ᠪᠤᠯᠪᠠᠰᠤᠷᠠᠭᠤᠯᠤᠯ᠎ᠤᠨ ᠲᠥᠯᠥᠪᠯᠡᠭᠡ ᠵᠢ ᠣᠷᠣᠭᠤᠯᠵᠤ᠂ ᠬᠥᠮᠦᠵᠢᠯ ᠪᠤᠯᠪᠠᠰᠤᠷᠠᠭᠤᠯᠤᠯ᠎ᠤᠨ ᠲᠥᠯᠥᠪᠯᠡᠭᠡ ᠵᠢ ᠲᠤᠭᠲᠠᠭ᠋ᠠᠭᠰᠠᠨᠤ ᠬᠠᠮᠲᠤ ᠬᠢᠨᠠᠮᠠᠭ᠋ᠠᠶ ᠵᠣᠬᠢᠶᠠᠨ ᠪᠠᠢ᠌ᠭᠤᠯᠤᠨ ᠬᠡᠷᠡᠭᠵᠢᠬᠦᠯᠪᠡ᠃ 2014 ᠣᠨ᠎ᠳᠤ᠂ ᠬᠣᠲᠠ ᠳᠠᠶᠠᠭ᠋ᠠᠷ ᠡᠯ᠎ᠡ ᠲᠥᠷᠥᠯ᠎ᠤᠨ ᠪᠤᠯᠪᠠᠰᠤᠷᠠᠭᠤᠯᠤᠯ᠎ᠤᠨ ᠠᠩᠭᠢ ᠵᠢ 25 ᠬᠤᠭᠤᠴᠠᠭ᠎ᠠ ᠡᠷᠬᠢᠯᠡᠵᠤ᠂ ᠨᠡᠢ᠌ᠲᠡ 1921 ᠬᠥᠮᠦᠨ ᠤᠳᠠᠭ᠎ᠠ ᠪᠤᠯᠪᠠᠰᠤᠷᠠᠭᠤᠯᠪᠠ᠃ ᠬᠣᠲᠠ ᠵᠢᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ ᠡᠳᠦᠷ ᠲᠤᠲᠤᠮ᠎ᠤᠨ ᠠᠵᠢᠯ᠎ᠢ ᠵᠢᠯᠤᠭᠤᠳᠬᠤ᠂ ᠪᠠᠶ᠋ᠢᠴᠠᠭ᠋ᠠᠬᠤ ᠪᠠ ᠰᠢᠯᠭ᠋ᠠᠨ ᠬᠢᠨᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠮᠡᠳᠡᠭᠡ ᠵᠠᠩᠭᠢ ᠵᠢ ᠢᠯᠡ ᠪᠣᠯᠭ᠋ᠠᠬᠤ ᠣᠨ᠎ᠤ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠬᠤ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠲᠥᠰᠦᠪ ᠪᠤᠯᠤᠨ ᠲᠥᠰᠦᠪ᠎ᠤᠨ ᠭᠦᠢ᠍ᠴᠡᠳᠬᠡᠯ ᠬᠢᠭᠡᠳ 《ᠭᠤᠷᠪᠠᠨ ᠠᠯᠪᠠᠨ ᠶᠠᠪᠤᠳᠠᠯ᠎ᠤᠨ ᠵᠠᠷᠤᠳᠠᠯ》᠎ᠤᠨ ᠲᠥᠰᠦᠪ᠎ᠤᠨ ᠭᠦᠢ᠍ᠴᠡᠳᠬᠡᠯ᠎ᠢ ᠢᠯᠡ ᠪᠣᠯᠭ᠋ᠠᠬᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠡᠭᠦᠷᠭᠡ ᠵᠢ ᠨᠠᠶ᠋ᠢᠳᠠᠪᠤᠷᠢᠵᠢᠭᠤᠯᠵᠤ ᠪᠠᠢ᠌ᠭ᠎ᠠ ᠪᠠᠶ᠋ᠢᠳᠠᠯ ᠵᠡᠷᠭᠡ ᠵᠢ ᠰᠢᠮᠳᠠᠭᠤᠯᠤᠨ ᠪᠠᠢ᠌ᠴᠠᠭ᠋ᠠᠵᠤ᠂ ᠡᠯ᠎ᠡ ᠪᠦᠷᠢᠯᠳᠦᠬᠦᠨ ᠨᠢᠭᠡᠴᠡ ᠵᠢ ᠵᠤᠬᠢᠴᠠᠭᠤᠯᠤᠨ ᠵᠤᠬᠢᠴᠠᠨᠭ᠌ᠭᠤᠢ ᠡᠭᠦᠷᠭᠡ ᠬᠠᠷᠢᠭᠤᠴᠠᠯᠭ᠎ᠠ ᠵᠢ᠎ᠨᠢ ᠬᠢᠨᠠᠮᠠᠭ᠋ᠠᠶ ᠭᠦᠢ᠍ᠴᠡᠳᠭᠡᠯᠭᠡᠨ᠂ ᠨᠡᠪᠲᠡᠷᠡᠯᠴᠡᠭᠡ᠎ᠪᠠᠨ ᠴᠢᠨᠭ᠌ᠭ᠋ᠠᠳᠬᠠᠨ᠂ ᠨᠢᠭᠲᠠ ᠬᠠᠮᠵᠢᠯᠴᠠᠵᠤ᠂ ᠠᠵᠢᠯ᠎ᠤᠨ ᠨᠡᠢ᠌ᠯᠡᠮᠡᠯ ᠬᠦᠴᠦᠨ᠎ᠢ ᠪᠤᠢ ᠪᠤᠯᠭ᠋ᠠᠵᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ ᠦᠷᠨᠢᠭᠦᠯᠬᠦ ᠵᠢ ᠪᠦᠲᠦᠮᠵᠢᠲᠡᠶ᠎ᠪᠠᠷ ᠳᠥᠯᠭᠢᠨ ᠠᠬᠢᠭᠤᠯᠪᠠ᠃
[ᠬᠥᠲᠥᠯᠥᠭᠴᠢ]᠄
ᠮᠡᠳᠡᠭᠡᠵᠢ᠎ᠪᠠᠷ᠂ ᠣᠶ᠋ᠢᠷ᠎ᠠ ᠵᠢᠨ ᠵᠢᠯ᠎ᠤᠳ᠎ᠲᠤ᠂ ᠲᠥᠷᠥ ᠵᠢᠨ ᠶᠠᠪᠤᠳᠠᠯ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠴᠥᠮ ᠭᠣᠣᠯᠳᠠᠯᠭ᠎ᠠ᠎ᠲᠠᠢ ᠬᠦᠷᠢᠶᠡᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠮᠠᠰᠢ ᠴᠢᠬᠤᠯᠠᠴᠢᠯᠠᠨ ᠦᠵᠡᠵᠦ ᠪᠤᠢ᠂ ᠤᠯᠠᠭ᠋ᠠᠨᠬᠠᠳᠠ ᠬᠣᠲᠠ ᠵᠢᠨ ᠡᠨᠡ ᠲᠠᠯ᠎ᠠ᠎ᠪᠠᠷ᠎ᠬᠢ ᠠᠵᠢᠯ᠎ᠤᠨ ᠠᠬᠢᠴᠠ ᠶᠠᠮᠠᠷ ᠵᠡᠷᠭᠡ ᠪᠤᠶ?
[ ᠹᠸᠩ ᠯᠢ ᠰᠠᠨ]᠄
ᠶᠠᠭ ᠲᠠᠨ᠎ᠤ ᠬᠡᠯᠡᠭᠰᠡᠨ ᠰᠢᠭ ᠵᠶ᠋ᠠᠷ᠂ ᠭᠣᠣᠯᠳᠠᠯᠭ᠎ᠠ᠎ᠲᠠᠢ ᠬᠦᠷᠢᠶᠡᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠳᠥᠯᠭᠢᠨ ᠠᠬᠢᠭᠤᠯᠬᠤ ᠪᠣᠯ ᠤᠯᠤᠰ ᠪᠤᠯᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢᠨ ᠴᠢᠬᠤᠯᠠ ᠠᠵᠢᠯ ᠪᠤᠯᠤᠨ᠎ᠠ᠃ 2014 ᠣᠨ᠎ᠳᠤ᠂ ᠮᠠᠨ᠎ᠤ ᠬᠣᠲᠠ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠶᠡᠬᠡᠪᠡᠷ ᠳᠥᠯᠭᠢᠨ ᠠᠬᠢᠭᠤᠯᠵᠤ᠂ ᠳᠣᠯᠣᠭ᠋ᠠᠨ ᠭᠣᠣᠯᠳᠠᠯᠭ᠎ᠠ᠎ᠲᠠᠢ ᠬᠦᠷᠢᠶᠡᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠭᠣᠣᠯᠳᠠᠯᠭ᠎ᠠ᠎ᠲᠠᠢ᠎ᠪᠠᠷ ᠳᠥᠯᠭᠢᠨ ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠤᠭᠰᠠᠨ ᠪᠠᠶ᠋ᠢᠨ᠎ᠠ᠃ ᠵᠠᠰᠠᠭ ᠵᠠᠬᠢᠷᠭ᠋ᠠᠨ᠎ᠤ ᠡᠷᠬᠡ ᠵᠢᠨ ᠠᠵᠢᠯᠯᠠᠭ᠋ᠠᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠠᠯ᠎ᠠ᠎ᠪᠠᠷ᠂ ᠮᠠᠨ᠎ᠤ ᠬᠣᠲᠠ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ ᠲᠤᠰ ᠬᠤᠭᠤᠴᠠᠭ᠋ᠠᠨ᠎ᠤ ᠵᠠᠰᠠᠭ᠎ᠤᠨ ᠣᠷᠳᠣᠨ ᠪᠠᠶ᠋ᠢᠭᠤᠯᠤᠭᠳᠠᠭᠰᠠᠨ᠎ᠠᠴᠠ ᠨᠠᠰᠢᠬᠢ ᠬᠣᠶᠠᠳᠤᠭ᠋ᠠᠷ ᠤᠳᠠᠭ᠎ᠠ ᠵᠢᠨ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ ᠪᠠ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠢᠯᠭ᠋ᠠᠷᠠᠭᠤᠯᠤᠨ ᠴᠣᠮᠬᠠᠳᠬᠠᠬᠤ ᠠᠵᠢᠯ᠎ᠢ ᠶᠠᠪᠤᠭᠳᠠᠭᠤᠯᠪᠠ᠃ ᠢᠯᠭ᠋ᠠᠷᠠᠭᠤᠯᠬᠤ᠎ᠪᠠᠷ ᠳᠠᠮᠵᠢᠭ᠋ᠠᠳ᠂ ᠣᠳᠣ ᠦᠯᠡᠳᠡᠭᠡᠭᠰᠡᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ 104 ᠵᠦᠢ᠍ᠯ ᠪᠠᠢ᠌ᠵᠤ᠂ ᠳᠣᠷᠣᠭᠰᠢ ᠪᠠᠭᠤᠯᠭ᠋ᠠᠭᠰᠠᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ 36 ᠵᠦᠢ᠍ᠯ ᠪᠠᠢ᠌ᠵᠤ᠂ ᠵᠠᠰᠠᠭ ᠵᠠᠬᠢᠷᠭ᠋ᠠᠨ᠎ᠤ ᠦᠢ᠍ᠯᠡᠴᠢᠯᠡᠭᠡ ᠪᠤᠯᠭ᠋ᠠᠨ ᠬᠤᠪᠢᠷᠠᠭᠤᠯᠤᠭᠰᠠᠨ ᠵᠦᠢ᠍ᠯᠡᠰ 26 ᠵᠦᠢ᠍ᠯ ᠪᠠᠢ᠌ᠵᠤ᠂ ᠨᠡᠢ᠌ᠯᠡᠭᠦᠯᠦᠭᠰᠡᠨ᠎ᠨᠢ 80 ᠵᠦᠢ᠍ᠯ ᠪᠠᠢ᠌ᠵᠤ᠂ 16 ᠵᠦᠢ᠍ᠯ᠎ᠢ ᠬᠦᠴᠦᠨ ᠦᠭᠡᠶ ᠪᠤᠯᠭ᠋ᠠᠪᠠ᠃ ᠢᠯᠭ᠋ᠠᠷᠠᠭᠤᠯᠤᠭᠰᠠᠨ ᠦᠷ᠎ᠡ ᠳ᠋ᠦᠩ᠎ᠢ ᠬᠣᠲᠠ ᠵᠢᠨ ᠵᠠᠰᠠᠭ᠎ᠤᠨ ᠣᠷᠳᠣᠨ᠎ᠤ ᠫᠤᠷᠲᠸᠯ ᠰᠠᠢ᠌ᠲ ᠵᠶ᠋ᠠᠷ ᠳᠠᠮᠵᠢᠭᠤᠯᠤᠨ ᠨᠡᠶ᠋ᠢᠭᠡᠮ᠎ᠳᠤ ᠢᠯᠡ ᠪᠤᠯᠭ᠋ᠠᠨ᠂ ᠡᠭᠦᠨ᠎ᠳᠡᠭᠡᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠂ ᠬᠢᠨᠠᠨ ᠵᠥᠪᠰᠢᠶᠡᠷᠡᠬᠦ ᠲᠥᠷᠥᠯ ᠵᠦᠢ᠍ᠯ᠎ᠤᠨ ᠨᠡᠷᠡᠢ᠌ᠳᠦᠯ᠂ ᠪᠠᠶ᠋ᠢᠭᠤᠯᠤᠭᠰᠠᠨ ᠦᠨᠳᠦᠰᠦᠯᠡᠯ ᠵᠡᠷᠭᠡ ᠠᠭᠤᠯᠭ᠎ᠠ ᠵᠢ ᠪᠠᠭᠲᠠᠭ᠋ᠠᠭᠰᠠᠨ ᠪᠠᠢ᠌ᠨ᠎ᠠ᠃ ᠡᠳ᠋᠎ᠤᠨ ᠵᠠᠰᠠᠭ᠎ᠤᠨ ᠪᠡᠯᠡ ᠮᠦᠨᠭᠭᠦ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠲᠠᠯ᠎ᠠ᠎ᠪᠠᠷ᠂ ᠬᠣᠲᠠ ᠵᠢᠨ ᠲᠤᠰ ᠱᠠᠲᠤ ᠬᠢᠭᠡᠳ 12 ᠬᠣᠰᠢᠭᠤ ᠰᠢᠶᠠᠨ ᠲᠣᠭᠣᠷᠢᠭ ᠲᠤᠰ ᠲᠤᠰ ᠦᠪᠡᠷ ᠦᠪᠡᠷᠰᠡᠳ᠎ᠤᠨ ᠵᠶ᠋ᠠᠨ ᠵᠠᠰᠠᠭ᠎ᠤᠨ ᠣᠷᠳᠣᠨ᠎ᠤ ᠶᠡᠷᠦᠨᠭᠭᠡᠢ᠌ᠯᠡᠭᠰᠡᠨ ᠰᠦᠯᠵᠢᠶᠡᠨ᠎ᠳᠤ ᠵᠠᠰᠠᠭ᠎ᠤᠨ ᠤᠷᠳᠤᠨ᠎ᠤ ᠲᠦᠰᠦᠪ᠂ 《ᠭᠤᠷᠪᠠᠨ ᠠᠯᠪᠠᠨ ᠶᠠᠪᠤᠳᠠᠯ᠎ᠤᠨ ᠵᠠᠷᠤᠳᠠᠯ》᠎ᠤᠨ ᠲᠥᠰᠦᠪ᠎ᠤᠨ ᠬᠢᠭᠡᠳ ᠵᠠᠰᠠᠭ᠎ᠤᠨ ᠣᠷᠳᠣᠨ᠎ᠤ ᠶᠡᠷᠦᠩᠬᠡᠶ ᠲᠥᠰᠦᠪ᠎ᠤᠨ ᠭᠦᠢ᠍ᠴᠡᠳᠬᠡᠯ᠎ᠢ ᠢᠯᠡ ᠪᠤᠯᠭ᠋ᠠᠵᠤ᠂ ᠬᠣᠲᠠ ᠵᠢᠨ ᠲᠤᠰ ᠱᠠᠲᠤᠨ᠎ᠤ 181 ᠲᠥᠰᠦᠪ ᠬᠢᠵᠤ ᠪᠦᠬᠦᠢ ᠨᠢᠭᠡᠴᠡ ᠪᠤᠯᠤᠨ ᠬᠣᠰᠢᠭᠤ ᠰᠢᠶᠠᠨ ᠲᠣᠭᠣᠷᠢᠭ᠎ᠤᠨ 1195 ᠲᠥᠰᠦᠪ ᠬᠢᠵᠤ ᠪᠦᠬᠦᠢ ᠨᠢᠭᠡᠴᠡ ᠠᠳᠠᠯᠢ ᠪᠤᠰᠤ ᠬᠡᠯᠪᠡᠷᠢ᠎ᠪᠠᠷ ᠰᠠᠯᠠᠭ᠎ᠠ ᠮᠥᠴᠢᠷ᠎ᠤᠨ ᠲᠥᠰᠦᠪ ᠪᠤᠯᠤᠨ 《ᠭᠤᠷᠪᠠᠨ ᠠᠯᠪᠠᠨ ᠶᠠᠪᠤᠳᠠᠯ᠎ᠤᠨ ᠵᠠᠷᠤᠳᠠᠯ》᠎ᠤᠨ ᠲᠥᠰᠦᠪ ᠵᠶ᠋ᠠᠨ ᠢᠯᠡ ᠪᠤᠯᠭ᠋ᠠᠨ᠂ ᠬᠣᠲᠠ ᠵᠢᠨ ᠲᠤᠰ ᠱᠠᠲᠤᠨ᠎ᠤ 166 ᠨᠢᠭᠡᠴᠡ ᠪᠤᠯᠤᠨ ᠬᠣᠰᠢᠭᠤ ᠰᠢᠶᠠᠨ ᠲᠣᠭᠣᠷᠢᠭ᠎ᠤᠨ 996 ᠨᠢᠭᠡᠴᠡ ᠠᠳᠠᠯᠢ ᠪᠤᠰᠤ ᠬᠡᠯᠪᠡᠷᠢ᠎ᠪᠠᠷ ᠰᠠᠯᠠᠭ᠎ᠠ ᠮᠥᠴᠢᠷ᠎ᠤᠨ ᠲᠥᠰᠦᠪ᠎ᠤᠨ ᠭᠦᠢ᠍ᠴᠡᠳᠬᠡᠯ ᠵᠶ᠋ᠠᠨ ᠢᠯᠡ ᠪᠤᠯᠭ᠋ᠠᠭᠰᠠᠨ ᠪᠠᠶ᠋ᠢᠨ᠎ᠠ᠃ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠤᠬᠢᠷᠠᠭᠤᠯᠤᠯᠲᠠ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠲᠠᠯ᠎ᠠ᠎ᠪᠠᠷ᠂ ᠭᠠᠵᠠᠷ ᠰᠢᠷᠣᠶ ᠲᠠᠲᠠᠪᠤᠷᠢᠯᠠᠭᠰᠠᠨᠤ ᠲᠥᠯᠥᠪᠦᠷᠢ ᠥᠭᠬᠦ ᠲᠥᠰᠦᠯ᠎ᠢ ᠮᠡᠳᠡᠭᠦᠯᠦᠨ ᠵᠥᠪᠰᠢᠶᠡᠷᠡᠭᠦᠯᠬᠦ᠎ᠠᠴᠠ ᠡᠮᠦᠨ᠎ᠡ ᠠᠯᠪᠠᠨ ᠵᠠᠷ ᠨᠡᠶ᠋ᠢᠲᠡᠯᠡᠬᠦ᠂ ᠮᠡᠳᠡᠭᠳᠡᠬᠦ᠂ ᠨᠤᠲᠠᠯᠠᠯᠲᠠ ᠬᠢᠬᠦ᠂ ᠰᠠᠨᠠᠯ ᠰᠣᠨᠣᠰᠬᠤ ᠵᠡᠷᠭᠡ ᠳᠡᠰ ᠳᠠᠷᠠᠭ᠋ᠠᠯᠠᠯ᠎ᠢ ᠴᠢᠩᠭ᠎ᠠ ᠬᠦᠢ᠍ᠴᠡᠳᠭᠡᠵᠤ᠂ ᠭᠠᠵᠠᠷ ᠰᠢᠷᠣᠶ ᠲᠠᠲᠠᠪᠤᠷᠢᠯᠠᠨ ᠨᠤᠷᠠᠭ᠋ᠠᠵᠤ ᠨᠡᠭᠦᠯᠭᠡᠬᠦ ᠠᠵᠢᠯ᠎ᠳᠤ ᠨᠡᠶ᠋ᠢᠭᠡᠮ᠎ᠤᠨ ᠣᠯᠠᠨ ᠨᠡᠶ᠋ᠢᠲᠡ ᠵᠢᠨ᠎ᠬᠢᠨ᠎ᠤ ᠣᠷᠣᠯᠴᠠᠬᠤ ᠵᠢ ᠦᠷᠭᠡᠳᠭᠡᠵᠤ᠂ ᠲᠥᠯᠥᠪᠦᠷᠢ ᠥᠭᠬᠦ ᠲᠥᠰᠦᠯ᠂ ᠲᠦᠯᠦᠪᠦᠷᠢ ᠥᠭᠬᠦ ᠪᠠᠷᠢᠮᠵᠢᠶ᠎ᠠ᠂ ᠲᠦᠯᠦᠪᠦᠷᠢ ᠦᠭᠭᠦᠭᠰᠡᠨ ᠦᠷ᠎ᠡ ᠳ᠋ᠦᠩ ᠵᠡᠷᠭᠡ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠰᠠᠶ᠋ᠢᠲᠤᠷ ᠬᠢᠪᠡ; ᠤᠯᠤᠰ᠎ᠤᠨ ᠦᠮᠴᠢᠯᠡᠯᠲᠦ ᠭᠠᠵᠠᠷ ᠰᠢᠷᠣᠶ ᠳᠡᠭᠡᠷᠡᠬᠢ ᠭᠡᠷ ᠪᠠᠶ᠋ᠢᠰᠢᠩ᠎ᠢ ᠲᠠᠲᠠᠪᠤᠷᠢᠯᠠᠭᠰᠠᠨ ᠪᠠ ᠲᠥᠯᠥᠪᠦᠷᠢ ᠦᠭᠭᠦᠭᠰᠡᠨ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠭᠦᠨᠵᠡᠭᠡᠶ᠋ᠢᠷᠡᠭᠦᠯᠵᠦ᠂ ᠤᠯᠠᠭ᠋ᠠᠨᠬᠠᠳᠠ ᠬᠣᠲᠠ ᠵᠢᠨ ᠵᠠᠰᠠᠭ᠎ᠤᠨ ᠣᠷᠳᠣᠨ᠎ᠤ ᠰᠦᠯᠵᠢᠶ᠎ᠡ ᠪᠤᠯᠤᠨ ᠤᠯᠠᠭ᠋ᠠᠨᠬᠠᠳᠠ ᠬᠣᠲᠠ ᠵᠢᠨ ᠭᠡᠷ ᠪᠠᠶ᠋ᠢᠰᠢᠩ᠎ᠤᠨ ᠬᠠᠮᠢᠶᠠᠷᠤᠯᠲᠠ ᠵᠢᠨ ᠲᠣᠪᠴᠢᠶᠠᠨ᠎ᠤ ᠰᠦᠯᠵᠢᠶ᠎ᠡ᠎ᠪᠠᠷ ᠳᠠᠮᠵᠢᠭᠤᠯᠤᠨ 《ᠤᠯᠠᠭ᠋ᠠᠨᠬᠠᠳᠠ ᠬᠣᠲᠠ ᠵᠢᠨ ᠭᠡᠷ ᠪᠠᠶ᠋ᠢᠰᠢᠩ ᠲᠠᠲᠠᠪᠤᠷᠢᠯᠠᠬᠤ ᠪᠠ ᠲᠥᠯᠥᠪᠦᠷᠢ ᠥᠭᠬᠦ ᠵᠢᠨ ᠲᠦᠷ ᠬᠡᠷᠡᠭᠵᠢᠭᠦᠯᠬᠦ ᠲᠣᠭᠲᠠᠭ᠋ᠠᠯ》 ᠭᠡᠰᠡᠨ ᠪᠢᠴᠢᠭ ᠮᠠᠲ᠋ᠧᠷᠢᠶᠠᠯ᠎ᠢ ᠪᠦᠬᠦ ᠤᠳᠬ᠎ᠠ᠎ᠪᠠᠷ᠎ᠨᠢ ᠨᠡᠢ᠌ᠲᠡᠯᠡᠪᠡ; ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠳᠥᠯᠭᠢᠨ ᠠᠬᠢᠭᠤᠯᠵᠤ᠂ ᠨᠡᠶ᠋ᠢᠭᠡᠮ ᠲᠣᠭᠣᠷᠢᠭ᠎ᠤᠨ ᠤᠬᠠᠭᠤᠯᠭ᠎ᠠ᠂ ᠠᠯᠪᠠᠨ ᠵᠠᠷ ᠨᠠᠭ᠋ᠠᠬᠤ᠂ ᠲᠧᠯᠸᠢᠰ ᠵᠠᠭᠤᠴᠢ ᠨᠡᠪᠳᠡᠷᠡᠭᠦᠯᠦᠭᠦᠷ ᠬᠢᠭᠡᠳ ᠤᠬᠠᠭᠤᠯᠭ᠎ᠠ ᠵᠢᠨ ᠲᠡᠷᠭᠡ ᠭᠠᠷᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠮᠡᠳᠡᠭᠡ ᠵᠠᠩᠭᠢ᠂ ᠭᠡᠷ ᠪᠠᠶ᠋ᠢᠰᠢᠩ᠎ᠤᠨ ᠮᠡᠳᠡᠭᠡ ᠵᠠᠩᠭᠢ ᠵᠢ ᠪᠦᠬᠦ ᠲᠠᠯ᠎ᠠ᠎ᠪᠠᠷ ᠢᠯᠡ ᠪᠤᠯᠭ᠋ᠠᠨ᠂ ᠣᠷᠣᠨ ᠰᠠᠭᠤᠴᠠ ᠵᠢᠨ ᠪᠠᠲᠤᠯᠠᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠠᠬᠢᠴᠠ ᠵᠢ ᠠᠷᠠᠳ ᠣᠯᠠᠨ᠎ᠤ ᠤᠢ᠌ᠯᠠᠭ᠋ᠠᠬᠤ᠎ᠳᠤ ᠳᠥᠭᠥᠮ ᠦᠵᠡᠭᠦᠯᠪᠡ᠃ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠠᠯ᠎ᠠ᠎ᠪᠠᠷ᠂ 《ᠠᠵᠢᠯ ᠣᠯᠭᠣᠯᠲᠠ ᠪᠠ ᠠᠵᠢᠯ ᠠᠯᠳᠠᠯᠲᠠ ᠵᠢ ᠲᠡᠮᠳᠡᠭᠯᠡᠭᠰᠡᠨ ᠦᠨᠡᠮᠯᠡᠯ》 ᠬᠦᠢ᠍ᠴᠡᠳᠭᠡᠬᠦ᠂ ᠠᠵᠢᠯ ᠠᠯᠳᠠᠯᠲᠠ ᠵᠢᠨ ᠳᠠᠭ᠋ᠠᠳᠬᠠᠯ᠎ᠤᠨ ᠮᠥᠩᠭᠥ ᠤᠯᠭᠤᠬᠤ᠂ ᠠᠳᠠᠯ ᠦᠢ᠍ᠯᠡᠰ ᠴᠣᠭᠴᠠᠯᠠᠬᠤ ᠪᠣᠯᠪᠠᠰᠤᠷᠠᠭᠤᠯᠤᠯ ᠵᠡᠷᠭᠡ ᠲᠠᠯ᠎ᠠ ᠵᠢᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ᠂ ᠠᠵᠢᠯ᠎ᠤᠨ ᠴᠤᠪᠤᠷᠠᠯ ᠪᠤᠯᠤᠨ ᠠᠵᠢᠯ᠎ᠤᠨ ᠪᠠᠢ᠌ᠳᠠᠯ᠎ᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠤᠯᠭ᠋ᠠᠪᠠ; ᠮᠠᠨ᠎ᠤ ᠬᠣᠲᠠ ᠬᠣᠲᠠ ᠪᠠᠯᠭ᠋ᠠᠰᠤ ᠵᠢᠨ ᠦᠨᠳᠦᠰᠦᠨ ᠡᠮᠨᠡᠯᠭᠡ ᠵᠢᠨ ᠳᠠᠭ᠋ᠠᠳᠬᠠᠯ ᠪᠤᠯᠤᠨ ᠠᠵᠢᠯᠲᠠᠨ ᠠᠵᠢᠯᠴᠢᠨ᠎ᠤ ᠦᠷᠡᠵᠢᠯ᠎ᠤᠨ ᠳᠠᠭ᠋ᠠᠳᠬᠠᠯ᠎ᠤᠨ ᠤᠯᠭᠤᠮᠵᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠬᠦ ᠲᠠᠯ᠎ᠠ ᠵᠢᠨ ᠲᠥᠷᠥ ᠵᠢᠨ ᠪᠣᠳᠣᠯᠭ᠎ᠠ ᠵᠢ 《ᠤᠯᠠᠭ᠋ᠠᠨᠬᠠᠳᠠ ᠵᠢᠨ ᠡᠳᠦᠷ᠎ᠤᠨ ᠰᠣᠨᠢᠨ》᠂ 《ᠤᠯᠠᠭ᠋ᠠᠨᠬᠠᠳᠠ ᠵᠢᠨ ᠣᠷᠣᠶ ᠵᠢᠨ ᠰᠣᠨᠢᠨ》 ᠵᠡᠷᠭᠡ ᠰᠣᠨᠢᠨ ᠰᠡᠳᠬᠦᠯ ᠳᠡᠭᠡᠷ᠎ᠡ ᠨᠡᠢ᠌ᠲᠡᠯᠡᠪᠡ; ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠮᠡᠳᠡᠭᠡ ᠵᠠᠩᠭᠢ ᠵᠢ ᠰᠦᠯᠵᠢᠶᠡᠨ ᠳᠡᠭᠡᠷ᠎ᠡ ᠨᠡᠶ᠋ᠢᠲᠡᠯᠡᠵᠦ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠭᠥᠷᠳᠡᠬᠦ ᠭᠡᠷ ᠪᠦᠯᠢ ᠵᠢᠨ ᠲᠥᠷᠥᠯ ᠵᠦᠢ᠍ᠯ᠂ ᠪᠠᠲᠤᠯᠠᠭ᠎ᠠ ᠵᠢᠨ ᠮᠥᠩᠭᠥ ᠵᠢᠨ ᠪᠠᠷᠢᠮᠵᠢᠶ᠎ᠠ ᠵᠡᠷᠭᠡ ᠵᠢ ᠨᠡᠶ᠋ᠢᠭᠡᠮ᠎ᠳᠤ ᠢᠯᠡ ᠪᠤᠯᠭ᠋ᠠᠭᠰᠠᠨ᠎ᠤ ᠬᠠᠮᠲᠤ ᠢᠯᠡᠴᠢᠯᠡᠨ ᠮᠡᠳᠡᠭᠦᠯᠬᠦ ᠳ᠋ᠢᠶᠠᠨᠭ᠌ᠬᠤᠸᠠ ᠵᠢ ᠨᠡᠶ᠋ᠢᠲᠡᠯᠡᠵᠦ᠂ ᠣᠯᠠᠨ ᠲᠦᠮᠡᠨ᠎ᠤ ᠬᠢᠨᠠᠯᠲᠠ ᠲᠠᠯᠪᠢᠬᠤ ᠵᠢ ᠬᠦᠯᠢᠶᠡᠪᠡ᠃ ᠣᠯᠠᠨ ᠨᠡᠶ᠋ᠢᠲᠡ ᠵᠢᠨ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠲᠠᠯ᠎ᠠ᠎ᠪᠠᠷ᠂ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠰᠦᠯᠵᠢᠶ᠎ᠡ᠎ᠨᠢ ᠪᠣᠬᠢᠷᠲᠤᠯ᠎ᠤᠨ ᠡᠬᠢ ᠰᠤᠷᠪᠤᠯᠵᠢ ᠵᠢᠨ ᠣᠷᠴᠢᠨ ᠲᠤᠭᠤᠷᠢᠨ᠎ᠢ ᠬᠢᠨᠠᠨ ᠬᠠᠮᠢᠶᠠᠷᠬᠤ ᠮᠡᠳᠡᠭᠡ ᠵᠠᠩᠭᠢ ᠵᠢ ᠢᠯᠡ ᠪᠤᠯᠭ᠋ᠠᠬᠤ ᠲᠤᠰᠬᠠᠢ ᠪᠤᠯᠤᠩ ᠭᠠᠷᠭ᠋ᠠᠵᠤ᠂ ᠪᠣᠬᠢᠷᠲᠤᠯ᠎ᠤᠨ ᠡᠬᠢ ᠰᠤᠷᠪᠤᠯᠵᠢ ᠵᠢᠨ ᠬᠢᠨᠠᠨ ᠬᠠᠮᠢᠶᠠᠷᠤᠯᠲᠠ ᠵᠢᠨ ᠮᠡᠳᠡᠭᠡ ᠵᠠᠩᠭᠢ ᠵᠢ ᠢᠯᠡ ᠪᠤᠯᠭ᠋ᠠᠬᠤ ᠵᠢ ᠤᠯᠠᠮ ᠨᠢᠭᠡ ᠠᠯᠬᠤᠮ ᠵᠢᠷᠤᠮᠵᠢᠭᠤᠯᠤᠨ ᠳᠥᠯᠭᠢᠨ ᠠᠬᠢᠭᠤᠯᠪᠠ; ᠤᠯᠠᠭ᠋ᠠᠨᠬᠠᠳᠠ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠰᠦᠯᠵᠢᠶ᠎ᠡ ᠪᠤᠯᠤᠨ ᠤᠯᠠᠭ᠋ᠠᠨᠬᠠᠳᠠ ᠵᠢᠨ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠠᠯᠪᠠᠨ᠎ᠤ ᠪᠢᠴᠢᠯ ᠪᠯᠤᠭ᠎ᠪᠠᠷ ᠳᠠᠮᠵᠢᠭᠤᠯᠤᠨ ᠣᠷᠴᠢᠨ ᠲᠤᠭᠤᠷᠢᠨ᠎ᠤ ᠶᠠᠰᠤ ᠴᠢᠨᠠᠷ᠎ᠤᠨ ᠬᠠᠮᠢᠶ᠎ᠠ ᠪᠦᠬᠦᠢ ᠮᠡᠳᠡᠭᠡ ᠵᠠᠩᠭᠢ ᠵᠢ ᠴᠠᠭ ᠲᠤᠬᠠᠶ᠎ᠳᠤᠨᠢ ᠨᠡᠢ᠌ᠲᠡᠯᠡᠪᠡ; ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠨ ᠬᠠᠮᠢᠶᠠᠷᠤᠯᠲᠠ ᠵᠢᠨ ᠲᠤᠪᠴᠢᠶ᠎ᠠ ᠵᠢᠨ ᠰᠦᠯᠵᠢᠶᠡᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠢ᠍ᠯᠡᠳᠪᠦᠷᠢᠯᠡᠯ᠎ᠤᠨ ᠠᠶᠤᠯ ᠦᠭᠡᠢ ᠵᠢᠨ ᠡ᠊ᠨᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠵᠡᠷᠭᠡ ᠠᠶᠤᠯ ᠦᠭᠡᠢ ᠦᠢ᠍ᠯᠡᠳᠪᠦᠷᠢᠯᠡᠯ᠎ᠤᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠨᠡᠢ᠌ᠲᠡᠯᠡᠪᠡ᠃
[ᠬᠥᠲᠥᠯᠥᠭᠴᠢ]᠄
ᠹᠸᠨᠭ ᠡᠷᠬᠢᠯᠡᠭᠴᠢ ᠡ᠂ ᠲᠠ ᠰᠠᠶᠢ 2014 ᠣᠨ᠎ᠤ ᠤᠯᠠᠭ᠋ᠠᠨᠬᠠᠳᠠ ᠬᠣᠲᠠ ᠵᠢᠨ ᠭᠣᠣᠯᠳᠠᠯᠭ᠎ᠠ᠎ᠲᠠᠢ ᠬᠦᠷᠢᠶᠡᠨ᠎ᠤ ᠮᠡᠳᠡᠭᠡ ᠵᠠᠩᠭᠢ ᠵᠢ ᠢᠯᠡ ᠪᠤᠯᠭ᠋ᠠᠭᠰᠠᠨ ᠠᠵᠢᠯ᠎ᠤᠨ ᠲᠤᠬᠠᠢ ᠳᠤᠷᠠᠳᠪᠠ᠂ 2015 ᠣᠨ ᠬᠠᠭ᠋ᠠᠰ ᠵᠢᠯ ᠦᠯᠡᠳᠡᠭᠡᠳ ᠪᠠᠢ᠌ᠨ᠎ᠠ᠂ ᠤᠯᠠᠭ᠋ᠠᠨᠬᠠᠳᠠ ᠬᠣᠲᠠ ᠵᠢᠨ ᠭᠣᠣᠯᠳᠠᠯᠭ᠎ᠠ᠎ᠲᠠᠢ ᠬᠦᠷᠢᠶᠡᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ ᠶᠠᠮᠠᠷ ᠰᠢᠨ᠎ᠡ ᠠᠬᠢᠴᠠ ᠪᠤᠯᠤᠨ ᠦᠷ᠎ᠡ ᠪᠦᠲᠦᠮᠵᠢ᠎ᠲᠠᠢ ᠪᠤᠢ?
[ ᠹᠸᠩ ᠯᠢ ᠰᠠᠨ]᠄
2015 ᠣᠨ᠎ᠳᠤ᠂ ᠮᠠᠨ᠎ᠤ ᠬᠣᠲᠠ ᠭᠣᠣᠯᠳᠠᠯᠭ᠎ᠠ᠎ᠲᠠᠢ ᠬᠦᠷᠢᠶᠡᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠦᠷᠭᠦᠯᠵᠢᠯᠡᠨ ᠳᠥᠯᠭᠢᠨ ᠠᠬᠢᠭᠤᠯᠵᠤ᠂ ᠵᠠᠰᠠᠭ ᠵᠠᠬᠢᠷᠭ᠋ᠠᠨ᠎ᠤ ᠡᠷᠬᠡ ᠵᠢᠨ ᠠᠵᠢᠯᠯᠠᠭ᠎ᠠ᠂ ᠡᠳ᠋᠎ᠤᠨ ᠵᠠᠰᠠᠭ᠎ᠤᠨ ᠪᠡᠯᠡ ᠮᠥᠩᠭᠥ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ᠂ ᠣᠯᠠᠨ ᠨᠡᠶ᠋ᠢᠲᠡ ᠵᠢᠨ ᠦᠢ᠍ᠯᠡᠴᠢᠯᠡᠭᠡ ᠪᠤᠯᠤᠨ ᠣᠯᠠᠨ ᠨᠡᠶ᠋ᠢᠲᠡ ᠵᠢᠨ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠵᠡᠷᠭᠡ ᠭᠣᠣᠯᠳᠠᠯᠭ᠎ᠠ᠎ᠲᠠᠢ ᠬᠦᠷᠢᠶᠡᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠤᠯᠭ᠋ᠠᠬᠤ᠎ᠪᠠᠷ ᠴᠢᠷᠮᠠᠢ᠌ᠵᠤ ᠪᠠᠢ᠌ᠨ᠎ᠠ᠃ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ ᠵᠢ ᠢᠯᠡ ᠪᠤᠯᠭ᠋ᠠᠬᠤ ᠲᠠᠯ᠎ᠠ᠎ᠪᠠᠷ᠂ 5 ᠳ᠋ᠤᠭ᠋ᠠᠷ ᠰᠠᠷ᠎ᠠ ᠵᠢᠨ 25᠎ᠤ ᠡᠳᠦᠷ᠂ ᠤᠯᠠᠭ᠋ᠠᠨᠬᠠᠳᠠ ᠬᠣᠲᠠ ᠵᠢᠨ ᠵᠠᠰᠠᠭ᠎ᠤᠨ ᠣᠷᠳᠣᠨ᠎ᠤ ᠬᠠᠤᠯᠢ ᠳᠦᠷᠢᠮ᠎ᠤᠨ ᠠᠵᠢᠯ᠎ᠤᠨ ᠠᠯᠪᠠᠨ ᠭᠡᠷ᠎ᠨᠢ ᠬᠣᠲᠠ ᠵᠢᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠤᠨ ᠬᠡᠷᠡᠭᠵᠢᠭᠦᠯᠬᠦ ᠵᠠᠰᠠᠭ ᠵᠠᠬᠢᠷᠭ᠋ᠠᠨ᠎ᠤ ᠡᠷᠬᠡ ᠵᠢ ᠬᠤᠷᠢᠶᠠᠨᠭ᠌ᠭᠤᠢ᠌ᠯᠠᠵᠤ᠂ ᠬᠣᠲᠠ ᠵᠢᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠡᠷᠬᠡ ᠵᠢᠨ ᠲᠥᠷᠥᠯ ᠵᠦᠢ᠍ᠯ᠎ᠤᠨ ᠬᠤᠷᠢᠶᠠᠩᠭᠤᠶ᠋ᠢᠯᠠᠭᠰᠠᠨ ᠵᠢᠭᠰᠠᠭ᠋ᠠᠯᠲᠠ ᠵᠢ ᠪᠤᠶ ᠪᠤᠯᠭ᠋ᠠᠭᠰᠠᠨ᠎ᠤ ᠬᠠᠮᠲᠤ᠂ ᠬᠣᠲᠠ ᠵᠢᠨ ᠵᠠᠰᠠᠭ᠎ᠤᠨ ᠣᠷᠳᠣᠨ᠎ᠤ ᠫᠤᠷᠲᠸᠯ ᠰᠦᠯᠵᠢᠶᠡᠨ᠎ᠳᠤ ᠲᠤᠰᠬᠠᠶ ᠪᠤᠯᠤᠩ ᠭᠠᠷᠭ᠋ᠠᠨ ᠨᠠᠢ᠌ᠲᠡ᠎ᠳᠤ ᠵᠠᠷᠯᠠᠵᠤ᠂ ᠡᠭᠦᠨ᠎ᠤ ᠬᠠᠮᠲᠤ ᠬᠣᠲᠠ ᠵᠢᠨ ᠵᠠᠰᠠᠭ᠎ᠤᠨ ᠣᠷᠳᠣᠨ᠎ᠤ ᠬᠠᠤᠯᠢ ᠳᠦᠷᠢᠮ᠎ᠤᠨ ᠠᠵᠢᠯ᠎ᠤᠨ ᠠᠯᠪᠠᠨ ᠭᠡᠷ ᠵᠠᠰᠠᠭ ᠵᠠᠬᠢᠷᠭ᠋ᠠᠨ᠎ᠤ ᠡᠷᠬᠡ ᠵᠢᠨ ᠲᠦᠷᠦᠯ ᠵᠦᠢ᠍ᠯ᠎ᠤᠨ ᠨᠠᠷᠢᠨ ᠳᠠᠨᠭ᠌ᠰᠠ ᠵᠢᠨ ᠬᠥᠳᠡᠯᠦᠩᠭᠦᠶ ᠬᠠᠮᠢᠶᠠᠷᠤᠯᠲᠠ ᠵᠢᠨ ᠲᠣᠭᠲᠠᠴᠠ ᠪᠠᠢ᠌ᠭᠤᠯᠵᠤ᠂ ᠨᠡᠶ᠋ᠢᠭᠡᠮ᠎ᠤᠨ ᠡᠯ᠎ᠡ ᠲᠠᠯ᠎ᠠ ᠵᠢᠨ᠎ᠬᠢᠨ᠎ᠤ ᠰᠠᠨᠠᠯ᠎ᠢ ᠭᠦᠢ᠍ᠴᠡᠳ ᠰᠤᠨᠤᠰᠤᠭᠰᠠᠨ ᠪᠠ ᠰᠢᠩᠭᠡᠭᠡᠨ ᠠᠪᠤᠭᠰᠠᠨ ᠰᠠᠭᠤᠷᠢᠨ ᠳᠡᠭᠡᠷ᠎ᠡ᠂ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠨᠭ᠌ᠰᠠ ᠵᠢ ᠲᠣᠬᠢᠷᠠᠭᠤᠯᠬᠤ᠂ ᠰᠢᠯᠢᠳᠡᠭᠵᠢᠭᠦᠯᠬᠦ ᠪᠠ ᠲᠡᠭᠦᠯᠳᠡᠷᠵᠢᠭᠦᠯᠬᠦ ᠵᠢ ᠤᠯᠠᠮ ᠨᠢᠭᠡ ᠠᠯᠬᠤᠮ ᠳᠥᠯᠭᠢᠨ ᠠᠬᠢᠭᠤᠯᠪᠠ᠃ ᠡᠳ᠋᠎ᠤᠨ ᠵᠠᠰᠠᠭ᠎ᠤᠨ ᠪᠡᠯᠡ ᠮᠦᠨᠭᠭᠦ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠲᠠᠯ᠎ᠠ᠎ᠪᠠᠷ᠂ ᠣᠳᠣᠬᠠᠨ᠎ᠳᠤ᠂ ᠬᠣᠲᠠ ᠵᠢᠨ ᠲᠤᠰ ᠱᠠᠲᠤ ᠬᠢᠭᠡᠳ ᠪᠦᠬᠦ ᠬᠣᠲᠠ ᠵᠢᠨ 76 ᠨᠢᠭᠡᠴᠡ ᠵᠢᠨ ᠡᠳ᠋᠎ᠤᠨ ᠵᠠᠰᠠᠭ᠎ᠤᠨ ᠲᠥᠰᠦᠪ ᠪᠤᠯᠤᠨ 《ᠭᠤᠷᠪᠠᠨ ᠠᠯᠪᠠᠨ ᠶᠠᠪᠤᠳᠠᠯ᠎ᠤᠨ ᠵᠠᠷᠤᠳᠠᠯ》᠎ᠤᠨ ᠲᠥᠰᠦᠪ᠎ᠢ ᠬᠣᠲᠠ ᠵᠢᠨ ᠵᠠᠰᠠᠭ᠎ᠤᠨ ᠣᠷᠳᠣᠨ᠎ᠤ ᠫᠤᠷᠲᠸᠯ ᠰᠦᠯᠵᠢᠶᠡᠨ᠎ᠤ ᠡᠳ᠋᠎ᠤᠨ ᠵᠠᠰᠠᠭ᠎ᠤᠨ ᠮᠡᠳᠡᠭᠡ ᠵᠠᠩᠭᠢ ᠪᠤᠯᠤᠩ ᠵᠶ᠋ᠠᠷ ᠳᠠᠮᠵᠢᠭᠤᠯᠤᠨ ᠨᠡᠶ᠋ᠢᠭᠡᠮ᠎ᠳᠤ ᠨᠢᠭᠡᠳᠦᠯᠲᠡᠶ ᠢᠯᠡ ᠪᠤᠯᠭ᠋ᠠᠪᠠ᠃ ᠡᠭᠦᠨ᠎ᠤ ᠬᠠᠮᠲᠤ᠂ ᠮᠠᠨ᠎ᠤ ᠬᠣᠲᠠ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ᠂ ᠴᠢᠬᠤᠯᠠ ᠶᠡᠬᠡ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ᠂ ᠢᠳᠡᠭᠡᠨ ᠪᠠ ᠡᠮ᠎ᠤᠨ ᠵᠦᠢ᠍ᠯ᠎ᠤᠨ ᠠᠶᠤᠯ ᠦᠭᠡᠢ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ᠂ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠵᠤ ᠪᠠᠢ᠌ᠭ᠎ᠠ ᠪᠠᠶ᠋ᠢᠳᠠᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠣᠳᠠᠲᠤ ᠦᠷ᠎ᠡ ᠪᠦᠲᠦᠮᠵᠢ ᠵᠢ ᠲᠠᠰᠤᠷᠠᠯᠲᠠ ᠦᠭᠡᠶ ᠨᠡᠮᠡᠭᠳᠡᠭᠦᠯᠦᠨ᠂ ᠵᠠᠰᠠᠭ᠎ᠤᠨ ᠣᠷᠳᠣᠨ᠎ᠤ ᠣᠯᠠᠨ ᠨᠡᠶ᠋ᠢᠲᠡ ᠵᠢᠨ ᠢᠲᠡᠭᠡᠭᠦᠯᠬᠦ ᠬᠦᠴᠦᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
[ᠬᠥᠲᠥᠯᠥᠭᠴᠢ]᠄
ᠰᠣᠨᠢᠨ ᠮᠡᠳᠡᠭᠡᠨ᠎ᠤ ᠮᠡᠳᠡᠭᠡᠯᠡᠭᠰᠡᠨ ᠵᠶ᠋ᠡᠷ᠂ ᠣᠶ᠋ᠢᠷ᠎ᠠ᠎ᠳᠤ ᠤᠯᠠᠭ᠋ᠠᠨᠬᠠᠳᠠ ᠬᠣᠲᠠ ᠥᠪᠡᠷᠲᠡᠭᠡᠨ ᠵᠠᠰᠠᠬᠤ ᠣᠷᠣᠨ᠎ᠤ 18 ᠣᠷᠣᠨᠲᠤ ᠺᠣᠳ᠋ ᠪᠦᠬᠦᠢ 《ᠭᠤᠷᠪᠠᠨ ᠦᠨᠡᠮᠯᠡᠯ᠎ᠢ ᠨᠡᠢ᠌ᠯᠡᠭᠦᠯᠵᠦ᠂ ᠨᠢᠭᠡ ᠦᠨᠡᠮᠯᠡᠯ ᠨᠢᠭᠡ ᠨᠣᠮᠸᠷ》 ᠪᠣᠯᠭ᠋ᠠᠭᠰᠠᠨ ᠠᠩᠬᠠᠳᠠᠭᠴᠢ ᠡᠵᠡᠩᠨᠡᠯᠲᠡ ᠵᠢᠨ ᠦᠨᠡᠮᠯᠡᠯ ᠲᠠᠷᠬᠠᠭ᠋ᠠᠪᠠ᠃ ᠲᠠ ᠪᠢᠳᠡᠨ᠎ᠳᠤ ᠪᠤᠲᠠᠳᠠᠢ ᠪᠠᠢ᠌ᠳᠠᠯ᠎ᠢ ᠲᠠᠨᠢᠯᠴᠠᠭᠤᠯᠤᠭ᠋ᠠᠳ ᠥᠭᠭᠦᠨ᠎ᠡ ᠤᠤ?
[ ᠹᠸᠩ ᠯᠢ ᠰᠠᠨ]᠄
2015 ᠣᠨ᠎ᠤ 6 ᠳ᠋ᠤᠭ᠋ᠠᠷ ᠰᠠᠷ᠎ᠠ ᠵᠢᠨ 2 ᠤᠨ ᠡᠳᠦᠷ᠂ ᠤᠯᠠᠭ᠋ᠠᠨᠬᠠᠳᠠ ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠨᠢ ᠤᠯᠠᠭ᠋ᠠᠨᠬᠠᠳᠠ ᠬᠣᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠲᠤ ᠪᠦᠬᠦ ᠣᠷᠣᠨ᠎ᠤ 18 ᠣᠷᠣᠨᠲᠤ ᠺᠣᠳ᠋ ᠪᠦᠬᠦᠢ 《ᠭᠤᠷᠪᠠᠨ ᠦᠨᠡᠮᠯᠡᠯ᠎ᠢ ᠨᠡᠢ᠌ᠯᠡᠭᠦᠯᠵᠦ᠂ ᠨᠢᠭᠡ ᠦᠨᠡᠮᠯᠡᠯ ᠨᠢᠭᠡ ᠨᠣᠮᠸᠷ》᠎ᠤᠨ ᠠᠩᠬᠠᠨ᠎ᠤ ᠡᠵᠡᠩᠨᠡᠯᠲᠡ ᠵᠢᠨ ᠦᠨᠡᠮᠯᠡᠯ᠎ᠢ ᠲᠠᠷᠬᠠᠭ᠋ᠠᠪᠠ᠃ ᠡᠨᠡ ᠪᠣᠯ ᠤᠯᠠᠭ᠋ᠠᠨᠬᠠᠳᠠ ᠬᠣᠲᠠ ᠶᠡᠷᠦᠩᠬᠡᠶ ᠰᠠᠶ᠋ᠢᠳ ᠯᠢ ᠺᠸ ᠴᠢᠶᠠᠩ᠎ᠤᠨ 《ᠭᠤᠷᠪᠠᠨ ᠦᠨᠡᠮᠯᠡᠯ᠎ᠢ ᠨᠡᠢ᠌ᠯᠡᠭᠦᠯᠵᠦ᠂ ᠨᠢᠭᠡ ᠦᠨᠡᠮᠯᠡᠯ ᠨᠢᠭᠡ ᠨᠣᠮᠸᠷ》 ᠪᠦᠬᠦᠢ ᠪᠦᠷᠢᠳᠬᠡᠭᠦᠯᠬᠦ ᠳᠦᠷᠢᠮ᠎ᠤᠨ ᠥᠭᠡᠷᠡᠴᠢᠯᠡᠯᠲᠡ ᠵᠢᠨ ᠲᠣᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠤᠭᠰᠠᠨ ᠪᠣᠳᠠᠲᠠᠶ ᠠᠷᠭ᠎ᠠ ᠬᠡᠮᠵᠢᠶ᠎ᠡ ᠪᠣᠯᠣᠨ ᠠᠮᠵᠢᠯᠲᠠ ᠣᠯᠤᠭᠰᠠᠨ ᠦᠢ᠍ᠯᠡᠳᠦᠯᠭᠡ ᠪᠣᠯᠬᠤ ᠪᠦᠭᠡᠳ ᠡᠨᠡ᠎ᠨᠢ ᠬᠠᠤᠯᠢ ᠵᠢᠨ ᠡᠷᠬᠡᠲᠡᠨ ᠪᠣᠯᠣᠨ ᠪᠤᠰᠤᠳ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠨᠢᠭᠡᠳᠦᠯᠲᠡᠶ ᠨᠡᠶ᠋ᠢᠭᠡᠮ᠎ᠤᠨ ᠢᠲᠡᠭᠡᠮᠵᠢ ᠵᠢᠨ ᠣᠷᠣᠯᠠᠬᠤ ᠨᠣᠮᠧᠷ᠎ᠤᠨ ᠳᠦᠷᠢᠮ᠎ᠤᠨ ᠮᠠᠨ᠎ᠤ ᠬᠣᠲᠠ᠎ᠳᠤ ᠦᠨᠳᠦᠰᠦᠨ᠎ᠳᠡᠭᠡᠨ ᠪᠠᠢ᠌ᠭᠤᠯᠤᠭᠳᠠᠭᠰᠠᠨ᠎ᠢ ᠬᠠᠷᠠᠭᠤᠯᠵᠤ᠂ ᠪᠦᠬᠦ ᠤᠷᠤᠨ ᠴᠢᠨᠠᠭᠰᠢᠯᠠᠪᠠᠯ ᠪᠦᠬᠦ ᠤᠯᠤᠰ᠎ᠤᠨ ᠬᠤᠳᠠᠯᠳᠤᠭ᠋ᠠᠨ᠎ᠤ ᠶᠠᠪᠤᠳᠠᠯ ᠪᠣᠯᠣᠨ ᠬᠤᠳᠠᠯᠳᠤᠭ᠋ᠠᠨ᠎ᠤ ᠪᠤᠰᠤ ᠶᠠᠪᠤᠳᠠᠯ᠎ᠤᠨ ᠪᠡᠶᠡᠴᠢ ᠴᠣᠭᠴᠠ ᠵᠢᠨ ᠨᠢᠭᠡᠳᠦᠯᠲᠡᠶ ᠨᠡᠶ᠋ᠢᠭᠡᠮ᠎ᠤᠨ ᠢᠲᠡᠭᠡᠮᠵᠢ ᠵᠢᠨ ᠺᠣᠳ᠋᠎ᠤᠨ ᠥᠭᠡᠷᠡᠴᠢᠯᠡᠯᠲᠡ᠎ᠳᠤ ᠲᠤᠷᠰᠢᠯᠭ᠎ᠠ ᠬᠤᠷᠠᠮᠳᠤᠭᠤᠯᠤᠨ᠂ ᠦᠯᠢᠭᠡᠷ ᠵᠢᠱ᠌ᠢᠶ᠎ᠡ ᠬᠠᠩᠭ᠋ᠠᠭᠰᠠᠨ ᠶᠠᠪᠤᠳᠠᠯ ᠪᠣᠯᠣᠨ᠎ᠠ᠃
[ᠬᠥᠲᠥᠯᠥᠭᠴᠢ]᠄
《ᠭᠤᠷᠪᠠᠨ ᠦᠨᠡᠮᠯᠡᠯ᠎ᠢ ᠨᠡᠢ᠌ᠯᠡᠭᠦᠯᠵᠦ᠂ ᠨᠢᠭᠡ ᠦᠨᠡᠮᠯᠡᠯ ᠨᠢᠭᠡ ᠨᠣᠮᠸᠷ》 ᠪᠦᠬᠦᠢ ᠪᠦᠷᠢᠳᠬᠡᠭᠦᠯᠬᠦ ᠳᠦᠷᠢᠮ᠎ᠤᠨ ᠳᠠᠪᠠᠭᠤᠯᠢᠭ ᠲᠠᠯ᠎ᠠ᠎ᠨᠢ ᠶᠠᠭᠤ ᠪᠤᠶ?
[ ᠹᠸᠩ ᠯᠢ ᠰᠠᠨ]᠄
《ᠭᠤᠷᠪᠠᠨ ᠦᠨᠡᠮᠯᠡᠯ᠎ᠢ ᠨᠡᠢ᠌ᠯᠡᠭᠦᠯᠵᠦ᠂ ᠨᠢᠭᠡ ᠦᠨᠡᠮᠯᠡᠯ ᠨᠢᠭᠡ ᠨᠣᠮᠸᠷ》 ᠪᠦᠬᠦᠢ ᠪᠦᠷᠢᠳᠬᠡᠭᠦᠯᠬᠦ ᠳᠦᠷᠢᠮ᠎ᠨᠢ ᠳᠣᠣᠷᠠᠬᠢ ᠮᠡᠲᠦ ᠵᠢᠨ ᠳᠠᠪᠠᠭᠤᠯᠢᠭ ᠲᠠᠯ᠎ᠠ᠎ᠲᠠᠢ ᠪᠠᠶ᠋ᠢᠳᠠᠭ᠄ ᠨᠢᠭᠡ᠎ᠳᠤ ᠭᠤᠶᠤᠴᠢᠯᠠᠬᠤ ᠴᠤᠪᠤᠷᠠᠯ᠎ᠢ ᠨᠢᠭᠡᠳᠬᠡᠪᠡ᠃ ᠤᠤᠯ᠎ᠨᠢ ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠬᠤ᠂ ᠶᠠᠰᠤ ᠴᠢᠨᠠᠷ᠎ᠲᠤ ᠮᠡᠷᠭᠡᠵᠢᠯ ᠵᠶ᠋ᠡᠷ ᠬᠢᠨᠠᠯᠲᠠ ᠲᠠᠯᠪᠢᠬᠤ᠂ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠲᠤ ᠳᠡᠰ ᠳᠠᠷᠠᠭ᠋ᠠᠯᠠᠨ ᠭᠤᠶᠤᠴᠢᠯᠠᠯ ᠭᠠᠷᠭ᠋ᠠᠳᠠᠭ ᠪᠠᠢ᠌ᠭᠰᠠᠨ ᠪᠣᠯ ᠣᠳᠣ ᠶᠡᠷᠦᠩᠬᠡᠶ᠋ᠢᠯᠡᠭᠰᠡᠨ ᠬᠦᠯᠢᠶᠡᠨ ᠠᠪᠬᠤ ᠴᠣᠩᠬᠣ᠎ᠳᠤ ᠨᠢᠭᠡᠳᠦᠯᠲᠡᠶ ᠬᠤᠷᠢᠶᠠᠵᠤ ᠠᠪᠤᠨ᠎ᠠ᠃ ᠬᠣᠶᠠᠷ᠎ᠲᠤ ᠲᠤᠰᠢᠶᠠᠬᠤ ᠮᠠᠲ᠋ᠧᠷᠢᠶᠠᠯ ᠢᠯᠡᠳᠲᠡ ᠪᠠᠭ᠋ᠠᠰᠴᠤ᠂ ᠤᠤᠯ᠎ᠨᠢ 26 ᠬᠤᠪᠢ ᠮᠠᠲ᠋ᠧᠷᠢᠶᠠᠯ ᠲᠤᠰᠢᠶᠠᠳᠠᠭ ᠪᠠᠢ᠌ᠭᠰᠠᠨ ᠪᠣᠯ ᠣᠳᠣ ᠵᠥᠪᠬᠡᠨ 13 ᠬᠤᠪᠢ ᠲᠤᠰᠢᠶᠠᠬᠤ ᠪᠣᠯᠵᠤ᠂ ᠬᠠᠭ᠋ᠠᠰ ᠵᠶ᠋ᠠᠷ ᠪᠠᠭ᠋ᠠᠰᠪᠠ᠃ ᠭᠤᠷᠪᠠ᠎ᠳᠤ ᠲᠠᠭᠯᠠᠵᠤ ᠪᠢᠴᠢᠬᠦ ᠠᠭᠤᠯᠭ᠎ᠠ ᠶᠡᠬᠡ ᠬᠡᠮᠵᠢᠶ᠎ᠡ᠎ᠪᠠᠷ ᠪᠠᠭ᠋ᠠᠰᠴᠤ᠂ ᠤᠤᠯ᠎ᠨᠢ 166 ᠲᠣᠭ᠎ᠠ ᠪᠠᠷᠢᠮᠲᠠ ᠵᠢᠨ ᠵᠦᠢ᠍ᠯ᠎ᠢ ᠲᠠᠭᠯᠠᠬᠤ ᠪᠠᠢ᠌ᠭᠰᠠᠨ ᠪᠣᠯ ᠣᠳᠣ ᠵᠥᠪᠬᠡᠨ 74 ᠲᠣᠭ᠎ᠠ ᠪᠠᠷᠢᠮᠲᠠ ᠵᠢᠨ ᠵᠦᠢ᠍ᠯ ᠲᠠᠭᠯᠠᠬᠤ ᠪᠣᠯᠵᠤ᠂ ᠬᠠᠭ᠋ᠠᠰ ᠢᠯᠡᠭᠦᠦ ᠵᠢ ᠬᠠᠰᠤᠭᠳᠠᠪᠠ᠃ ᠳᠥᠷᠪᠡ᠎ᠳᠤ ᠬᠢᠨᠠᠨ ᠵᠥᠪᠰᠢᠶᠡᠷᠡᠬᠦ ᠠᠭᠤᠯᠭ᠎ᠠ ᠴᠤᠮᠬᠠᠳᠬᠠᠭᠳᠠᠵᠤ᠂ ᠤᠤᠯ᠎ᠨᠢ ᠡᠯ᠎ᠡ ᠰᠠᠯᠠᠭ᠎ᠠ ᠮᠥᠴᠢᠷ ᠮᠡᠳᠡᠭᠦᠯᠦᠭᠰᠡᠨ ᠵᠦᠢ᠍ᠯᠡᠰ᠎ᠢ ᠥᠪᠡᠷ ᠥᠪᠡᠷᠰᠡᠳ ᠵᠶ᠋ᠡᠨ ᠬᠢᠨᠠᠨ ᠪᠠᠢ᠌ᠴᠠᠭ᠋ᠠᠳᠠᠭ ᠪᠠᠢ᠌ᠭᠰᠠᠨ ᠪᠣᠯ ᠣᠳᠣ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠬᠢᠨᠠᠨ ᠪᠠᠢ᠌ᠴᠠᠭ᠋ᠠᠭᠰᠠᠨ᠎ᠢ᠎ᠨᠢ ᠪᠤᠰᠤᠳ ᠰᠠᠯᠠᠭ᠎ᠠ ᠮᠥᠴᠢᠷ ᠳᠠᠪᠬᠤᠷᠳᠠᠭᠤᠯᠤᠨ ᠬᠢᠨᠠᠨ ᠪᠠᠢ᠌ᠴᠠᠭ᠋ᠠᠬᠤ ᠦᠭᠡᠢ ᠪᠣᠯᠪᠠ᠃ ᠲᠠᠪᠤ᠎ᠳᠤ ᠭᠡᠷᠡᠴᠢ ᠲᠡᠮᠳᠡᠭ᠎ᠤᠨ ᠲᠣᠭ᠎ᠠ ᠬᠡᠮᠵᠢᠶ᠎ᠡ ᠵᠢᠨ ᠲᠠᠯ᠎ᠠ᠎ᠪᠠᠷ ᠭᠤᠷᠪᠠ ᠵᠢ ᠨᠡᠢ᠌ᠯᠡᠭᠦᠯᠵᠦ᠂ ᠤᠤᠯ᠎ᠨᠢ ᠡᠵᠡᠩᠨᠡᠯᠲᠡ ᠵᠢᠨ ᠦᠨᠡᠮᠯᠡᠯ᠂ ᠵᠣᠬᠢᠶᠠᠨ ᠪᠠᠶ᠋ᠢᠭᠤᠯᠤᠯᠲᠠ ᠪᠣᠯᠤᠨ ᠪᠠᠶ᠋ᠢᠭᠤᠯᠤᠮᠵᠢ ᠵᠢᠨ ᠣᠷᠣᠯᠠᠬᠤ ᠨᠣᠮᠧᠷ᠎ᠤᠨ ᠦᠨᠡᠮᠯᠡᠯ᠂ ᠭᠠᠶ᠋ᠢᠯᠢ ᠵᠢᠨ ᠶᠠᠪᠤᠳᠠᠯ᠎ᠤᠨ ᠪᠦᠷᠢᠳᠬᠡᠭᠦᠯᠦᠭᠰᠡᠨ ᠦᠨᠡᠮᠯᠡᠯ ᠵᠡᠷᠭᠡ 3 ᠦᠨᠡᠮᠯᠡᠯ ᠣᠯᠭᠣᠳᠠᠭ ᠪᠠᠢ᠌ᠭᠰᠠᠨ᠎ᠢ ᠣᠳᠣ 1 ᠯᠡ ᠡᠵᠡᠩᠨᠡᠯᠲᠡ ᠵᠢᠨ ᠦᠨᠡᠮᠯᠡᠯ ᠤᠯᠭᠤᠬᠤ ᠪᠣᠯᠭ᠋ᠠᠪᠠ᠃
[ᠬᠥᠲᠥᠯᠥᠭᠴᠢ]᠄
《ᠭᠤᠷᠪᠠᠨ ᠦᠨᠡᠮᠯᠡᠯ᠎ᠢ ᠨᠡᠢ᠌ᠯᠡᠭᠦᠯᠵᠦ᠂ ᠨᠢᠭᠡ ᠦᠨᠡᠮᠯᠡᠯ ᠨᠢᠭᠡ ᠨᠣᠮᠸᠷ》 ᠪᠦᠬᠦᠢ ᠪᠦᠷᠢᠳᠬᠡᠭᠦᠯᠬᠦ ᠳᠦᠷᠢᠮ᠎ᠤᠨ ᠦᠷ᠎ᠡ ᠪᠦᠲᠦᠮᠵᠢ᠎ᠨᠢ ᠶᠠᠮᠠᠷ ᠪᠤᠶ?
[ ᠹᠸᠩ ᠯᠢ ᠰᠠᠨ]᠄
《ᠭᠤᠷᠪᠠᠨ ᠦᠨᠡᠮᠯᠡᠯ᠎ᠢ ᠨᠡᠢ᠌ᠯᠡᠭᠦᠯᠵᠦ᠂ ᠨᠢᠭᠡ ᠦᠨᠡᠮᠯᠡᠯ ᠨᠢᠭᠡ ᠨᠣᠮᠸᠷ》᠎ᠤᠨ ᠪᠦᠷᠢᠳᠬᠡᠭᠦᠯᠬᠦ ᠳᠦᠷᠢᠮ᠎ᠤᠨ ᠦᠷ᠎ᠡ ᠪᠦᠲᠦᠮᠵᠢ᠎ᠨᠢ ᠭᠣᠣᠯᠳᠠᠭᠤ ᠳᠣᠣᠷᠠᠬᠢ ᠮᠡᠲᠦ ᠬᠡᠳᠦᠨ ᠵᠦᠢ᠍ᠯ ᠪᠤᠶ᠄ ᠨᠢᠭᠡ᠎ᠳᠤ ᠭᠤᠶᠤᠴᠢᠯᠠᠭᠴᠢ᠎ᠳᠤ ᠲᠥᠭᠥᠮ ᠦᠵᠡᠭᠦᠯᠪᠡ᠂ ᠭᠤᠶᠤᠴᠢᠯᠠᠭᠴᠢ ᠵᠥᠪᠬᠡᠨ ᠱᠠᠭ᠋ᠠᠷᠳᠠᠯᠭ᠎ᠠ ᠶᠣᠰᠣᠭ᠋ᠠᠷ ᠬᠦᠯᠢᠶᠡᠨ ᠠᠪᠬᠤ ᠴᠣᠩᠬᠤᠨ᠎ᠳᠤ ᠭᠤᠶᠤᠴᠢᠯᠠᠯ᠎ᠤᠨ ᠬᠦᠰᠦᠨᠦᠭᠲᠦ ᠲᠠᠭᠯᠠᠵᠤ᠂ ᠪᠦᠬᠦ ᠮᠠᠲ᠋ᠧᠷᠢᠶᠠᠯ᠎ᠢ ᠨᠢᠭᠡ ᠯᠡ ᠤᠳᠠᠭ᠎ᠠ᠎ᠳᠤ ᠲᠤᠰᠢᠶᠠᠪᠠᠯ᠂ ᠬᠠᠤᠯᠢ ᠪᠠᠷ ᠲᠣᠭᠲᠠᠭ᠋ᠠᠭᠰᠠᠨ ᠬᠤᠭᠤᠴᠠᠭ᠋ᠠᠨ᠎ᠳᠤ ᠡᠵᠡᠩᠨᠡᠯᠲᠡ ᠵᠢᠨ ᠦᠨᠡᠮᠯᠡᠯ ᠵᠶ᠋ᠠᠨ ᠠᠪᠴᠤ ᠪᠣᠯᠬᠤ ᠲᠤᠯᠠ᠂ ᠭᠤᠶᠤᠴᠢᠯᠠᠭᠴᠢ ᠵᠢᠨ ᠬᠥᠮᠦᠨ᠎ᠤ ᠬᠦᠴᠦ ᠪᠣᠯᠣᠨ ᠴᠠᠭ ᠬᠤᠭᠤᠴᠠᠭ᠎ᠠ ᠥᠪᠡᠷ᠎ᠤᠨ ᠥᠷᠲᠡᠭ᠎ᠢ ᠪᠦᠲᠦᠮᠵᠢᠲᠠᠢ᠎ᠪᠠᠷ ᠠᠷᠪᠢᠯᠠᠪᠠ᠃ ᠬᠣᠶᠠᠷ᠎ᠲᠤ ᠠᠵᠤ ᠠᠬᠤᠶ᠋ᠢᠯᠠᠯ ᠪᠠᠢ᠌ᠭᠤᠯᠬᠤ ᠥᠪᠡᠷ᠎ᠤᠨ ᠥᠷᠲᠡᠭ᠎ᠢ ᠪᠠᠭᠤᠷᠠᠭᠤᠯᠪᠠ᠂ ᠪᠦᠷᠢᠳᠬᠡᠭᠦᠯᠬᠦ ᠳᠦᠷᠢᠮ᠎ᠤᠨ ᠦᠭᠡᠷᠡᠴᠢᠯᠡᠯᠲᠡ ᠵᠢ ᠬᠡᠷᠡᠭᠵᠢᠭᠦᠯᠬᠦ᠎ᠪᠠᠷ ᠳᠠᠮᠵᠢᠭᠤᠯᠤᠨ᠂ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢᠨ ᠣᠷᠣᠯᠠᠬᠤ ᠨᠣᠮᠧᠷ᠎ᠤᠨ ᠰᠦᠢ᠍ᠳᠬᠡᠯ ᠬᠤᠷᠢᠶᠠᠬᠤ ᠳᠦᠷᠢᠮ᠂ ᠣᠨ᠎ᠤ ᠪᠠᠶ᠋ᠢᠴᠠᠭ᠋ᠠᠯᠲᠠ ᠵᠢᠨ ᠳᠦᠷᠢᠮ᠂ 4 ᠵᠢᠯ᠎ᠤᠨ ᠬᠦᠴᠦᠨ ᠪᠦᠬᠦᠢ ᠬᠣᠭᠤᠴᠠᠭ᠋ᠠᠨ᠎ᠤ ᠳᠦᠷᠢᠮ᠎ᠢ ᠬᠦᠴᠦᠨ ᠦᠭᠡᠢ ᠪᠣᠯᠭ᠋ᠠᠵᠤ᠂ ᠺᠣᠮᠫᠠᠨᠢ ᠵᠢ ᠭᠠᠶ᠋ᠢᠯᠢ ᠵᠢᠨ ᠶᠠᠪᠤᠳᠠᠯ᠎ᠤᠨ ᠪᠠᠶ᠋ᠢᠭᠤᠯᠭ᠎ᠠ᠎ᠳᠤ ᠪᠡᠯᠡ ᠰᠢᠯᠭ᠋ᠠᠭᠰᠠᠨ ᠮᠡᠳᠡᠭᠦᠯᠦᠯᠲᠡ ᠪᠣᠯᠣᠨ ᠦᠨᠡᠯᠡᠨ ᠵᠢᠱ᠌ᠢᠭᠰᠡᠨ ᠮᠡᠳᠡᠭᠦᠯᠦᠯᠲᠡ᠎ᠪᠠᠨ ᠲᠤᠰᠢᠶᠠᠬᠤ ᠵᠢ ᠱᠠᠭ᠋ᠠᠷᠳᠠᠬᠤ᠎ᠪᠠᠨ ᠪᠣᠯᠢᠭᠰᠠᠨ᠎ᠠᠴᠠ ᠠᠵᠤ ᠠᠬᠤᠶ᠋ᠢᠯᠠᠯ᠎ᠤᠨ ᠥᠪᠡᠷ᠎ᠤᠨ ᠥᠷᠲᠡᠭ᠎ᠢ ᠪᠠᠭᠤᠷᠠᠭᠤᠯᠤᠨ᠂ ᠥᠭᠡᠷᠡᠴᠢᠯᠡᠯᠲᠡ ᠵᠢᠨ ᠠᠰᠢᠭ ᠲᠤᠰᠠ ᠵᠢ ᠪᠡᠯᠡ ᠣᠷᠣᠭᠤᠯᠤᠭᠴᠢ᠎ᠳᠤ ᠦᠨᠡᠨ ᠪᠣᠳᠠᠲᠠᠶ ᠬᠦᠷᠲᠡᠭᠡᠪᠡ᠃ ᠭᠤᠷᠪᠠ᠎ᠳᠤ ᠵᠠᠰᠠᠭ᠎ᠤᠨ ᠣᠷᠳᠣᠨ᠎ᠤ ᠨᠡᠶ᠋ᠢᠲᠡ ᠳᠤ ᠢᠲᠡᠭᠡᠭᠦᠯᠬᠦ ᠬᠦᠴᠦᠨ᠎ᠢ ᠳᠡᠭᠡᠭᠰᠢᠯᠡᠭᠦᠯᠪᠡ᠂ ᠣᠯᠠᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠦᠢ᠍ᠯᠡᠴᠢᠯᠡᠭᠡᠨ᠎ᠤ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠣᠯᠠᠨ ᠦᠨᠡᠮᠯᠡᠯ᠎ᠢ ᠬᠠᠮᠲᠤᠷᠠᠨ ᠭᠦᠢ᠍ᠴᠡᠳᠬᠡᠬᠦ ᠶᠡᠷᠦᠩᠬᠡᠶ᠋ᠢᠯᠡᠭᠰᠡᠨ ᠬᠠᠮᠢᠶᠠᠷᠤᠯᠲᠠ ᠵᠢᠨ ᠰᠢᠰᠲ᠋ᠧᠮ᠎ᠢ ᠪᠠᠢ᠌ᠭᠤᠯᠵᠤ᠂ ᠦᠢ᠍ᠯᠡᠴᠢᠯᠡᠭᠡᠨ᠎ᠤ ᠪᠠᠷᠢᠮᠵᠢᠶ᠎ᠠ ᠵᠢ ᠨᠢᠭᠡᠳᠬᠡᠨ᠂ ᠵᠠᠰᠠᠭ᠎ᠤᠨ ᠣᠷᠳᠣᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠪᠣᠯᠣᠨ ᠨᠡᠶ᠋ᠢᠲᠡ᠎ᠳᠤ ᠢᠲᠡᠭᠡᠭᠦᠯᠬᠦ ᠬᠦᠴᠦᠨ᠎ᠢ ᠵᠣᠬᠢᠬᠤ ᠬᠡᠮᠵᠢᠶ᠎ᠡ᠎ᠪᠠᠷ ᠳᠡᠭᠡᠭᠰᠢᠯᠡᠭᠦᠯᠪᠡ᠃ ᠳᠦᠷᠪᠡ᠎ᠳᠤ ᠪᠦᠷᠢᠳᠬᠡᠭᠦᠯᠬᠦ ᠪᠠ ᠬᠠᠮᠢᠶᠠᠷᠬᠤ ᠵᠢᠨ ᠬᠠᠷᠢᠴᠠᠭ᠎ᠠ ᠵᠢ ᠲᠣᠲᠤᠷᠬᠠᠢ᠌ᠯᠠᠵᠤ᠂ 《ᠭᠤᠷᠪᠠᠨ ᠦᠨᠡᠮᠯᠡᠯ᠎ᠢ ᠨᠡᠢ᠌ᠯᠡᠭᠦᠯᠦᠭᠰᠡᠨ》 ᠪᠦᠷᠢᠳᠬᠡᠭᠦᠯᠬᠦ ᠳᠦᠷᠢᠮ᠎ᠤᠨ ᠦᠭᠡᠷᠡᠴᠢᠯᠡᠯᠲᠡ ᠵᠢ ᠬᠡᠷᠡᠭᠵᠢᠭᠦᠯᠵᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠤᠯᠤᠰ᠎ᠤᠨ ᠭᠠᠶ᠋ᠢᠯᠢ ᠵᠢᠨ ᠶᠠᠪᠤᠳᠠᠯ᠂ ᠣᠷᠣᠨ ᠨᠤᠲᠤᠭ᠎ᠤᠨ ᠭᠠᠶ᠋ᠢᠯᠢ ᠵᠢᠨ ᠶᠠᠪᠤᠳᠠᠯ᠂ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢᠨ ᠣᠷᠣᠯᠠᠬᠤ ᠨᠣᠮᠧᠷ᠎ᠤᠨ ᠲᠥᠪ ᠭᠠᠵᠠᠷ᠎ᠲᠠᠬᠢ ᠠᠵᠤ ᠠᠬᠤᠶ᠋ᠢᠯᠠᠯ᠎ᠤᠨ ᠳᠠᠩᠰᠠᠯᠠᠭᠤᠯᠤᠭᠰᠠᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠪᠡᠶᠡᠯᠡᠭᠦᠯᠵᠦ᠂ ᠭᠠᠶ᠋ᠢᠯᠢ ᠲᠠᠲᠠᠪᠤᠷᠢᠯᠠᠨ ᠬᠠᠮᠢᠶᠠᠷᠬᠤ ᠵᠢ ᠴᠢᠩᠭ᠋ᠠᠳᠬᠠᠬᠤ᠂ ᠢᠲᠡᠭᠡᠮᠵᠢ ᠵᠢᠨ ᠲᠠᠯ᠎ᠠ ᠵᠢᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠬᠦ᠂ ᠵᠠᠬ᠎ᠠ ᠳᠡᠯᠭᠡᠭᠦᠷ᠎ᠠᠴᠠ ᠪᠤᠴᠠᠭ᠋ᠠᠵᠤ ᠭᠠᠷᠭ᠋ᠠᠬᠤ ᠵᠢ ᠴᠢᠩᠳᠠᠯᠠᠬᠤ ᠵᠡᠷᠭᠡ ᠲᠠᠯ᠎ᠠ᠎ᠪᠠᠷ᠎ᠬᠢ ᠰᠠᠯᠠᠭ᠎ᠠ ᠮᠦᠴᠢᠷ᠎ᠤᠳ᠎ᠤᠨ ᠬᠠᠮᠲᠤᠷᠠᠨ ᠬᠦᠳᠡᠯᠦᠯᠴᠡᠬᠦ ᠵᠢ ᠴᠢᠩᠭ᠋ᠠᠷᠠᠭᠤᠯᠵᠤ᠂ ᠬᠢᠨᠠᠯᠲᠠ ᠬᠠᠮᠢᠶᠠᠷᠤᠯᠲᠠ᠎ᠳᠤ ᠦᠷᠲᠦᠭᠳᠡᠬᠦ ᠦᠭᠡᠢ ᠣᠷᠣᠨ ᠭᠠᠷᠬᠤ ᠵᠢ ᠲᠠᠰᠤ ᠬᠣᠷᠢᠭᠯᠠᠵᠤ᠂ ᠬᠢᠨᠠᠯᠲᠠ ᠬᠠᠮᠢᠶᠠᠷᠤᠯᠲᠠ ᠵᠢᠨ ᠨᠡᠶ᠋ᠢᠯᠡᠮᠡᠯ ᠬᠦᠴᠦᠨ ᠪᠣᠯᠣᠨ ᠨᠡᠶ᠋ᠢᠭᠡᠮ᠎ᠤᠨ᠎ᠬᠢᠨ᠎ᠤ ᠬᠠᠮᠲᠤ᠎ᠪᠠᠷ ᠵᠠᠰᠠᠬᠤ ᠵᠢ ᠪᠣᠢ ᠪᠣᠯᠭ᠋ᠠᠪᠠ᠃
[ᠬᠥᠲᠥᠯᠥᠭᠴᠢ]᠄
ᠮᠠᠨ᠎ᠤ ᠰᠠᠶᠢ ᠵᠢᠨ ᠳᠤᠷᠠᠳᠤᠭᠰᠠᠨ᠂ 《ᠭᠤᠷᠪᠠᠨ ᠦᠨᠡᠮᠯᠡᠯ᠎ᠢ ᠨᠡᠢ᠌ᠯᠡᠭᠦᠯᠵᠦ᠂ ᠨᠢᠭᠡ ᠦᠨᠡᠮᠯᠡᠯ ᠨᠢᠭᠡ ᠨᠣᠮᠸᠷ》 ᠪᠦᠬᠦᠢ ᠠᠩᠬᠠᠳᠠᠭᠴᠢ ᠡᠵᠡᠩᠨᠡᠯᠲᠡ ᠵᠢᠨ ᠦᠨᠡᠮᠯᠡᠯ᠎ᠢ ᠪᠣᠯ ᠤᠯᠠᠭ᠋ᠠᠨᠬᠠᠳᠠ ᠬᠣᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠠᠴᠠ ᠣᠯᠭᠣᠭᠰᠠᠨ ᠪᠠᠢ᠌ᠨ᠎ᠠ᠂ ᠲᠠ ᠪᠢᠳᠡᠨ᠎ᠳᠤ ᠤᠯᠠᠭ᠋ᠠᠨᠬᠠᠳᠠ ᠬᠣᠲᠠ ᠵᠢᠨ ᠵᠠᠰᠠᠭ᠎ᠤᠨ ᠣᠷᠳᠣᠨ᠎ᠤ ᠦᠢ᠍ᠯᠡᠴᠢᠯᠡᠭᠡᠨ᠎ᠤ ᠲᠥᠪ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠲᠠᠯ᠎ᠠ᠎ᠪᠠᠷ᠂ ᠠᠷᠠᠳ᠎ᠲᠤ ᠳᠥᠭᠥᠮ ᠦᠵᠡᠭᠦᠯᠬᠦ ᠦᠢ᠍ᠯᠡᠴᠢᠯᠡᠭᠡᠨ᠎ᠤ ᠲᠠᠯ᠎ᠠ᠎ᠪᠠᠷ ᠶᠠᠮᠠᠷ ᠶᠠᠮᠠᠷ ᠠᠵᠢᠯ ᠬᠢᠭᠰᠡᠨ᠎ᠢ ᠲᠠᠨᠢᠯᠴᠠᠭᠤᠯᠤᠭ᠋ᠠᠳ ᠦᠭᠭᠦᠨ᠎ᠡ ᠤᠤ?
[ᠬᠥᠲᠥᠯᠥᠭᠴᠢ]᠄
ᠨᠡᠶ᠋ᠢᠲᠡᠯᠢᠭ ᠵᠢᠱ᠌ᠢᠶ᠎ᠡ᠎ᠪᠠᠷ ᠬᠦᠲᠦᠯᠦᠨ ᠳᠠᠭ᠋ᠠᠭᠤᠯᠵᠤ ᠭᠣᠣᠯᠳᠠᠯᠭ᠎ᠠ᠎ᠲᠠᠢ᠎ᠪᠠᠷ ᠳᠥᠯᠭᠢᠨ ᠠᠬᠢᠭᠤᠯᠬᠤ ᠪᠣᠯ ᠮᠠᠨ᠎ᠤ ᠲᠤᠰ ᠤᠳᠠᠭ᠋ᠠᠨ᠎ᠤ ᠰᠤᠷᠪᠤᠯᠵᠢᠯᠠᠭ᠎ᠠ ᠵᠢᠨ ᠭᠣᠣᠯ ᠰᠡᠳᠦᠪ ᠪᠣᠯᠣᠨ᠎ᠠ᠂ ᠤᠯᠠᠭ᠋ᠠᠨᠬᠠᠳᠠ ᠬᠣᠲᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠨᠡᠶ᠋ᠢᠲᠡᠯᠢᠭ ᠵᠢᠱ᠌ᠢᠶ᠎ᠡ ᠵᠢ ᠪᠣᠢ ᠪᠣᠯᠭ᠋ᠠᠬᠤ ᠲᠠᠯ᠎ᠠ᠎ᠪᠠᠷ ᠶᠠᠮᠠᠷ ᠶᠠᠮᠠᠷ ᠠᠵᠢᠯ ᠬᠢᠭᠰᠡᠨ ᠪᠣᠢ?
[ ᠹᠸᠩ ᠯᠢ ᠰᠠᠨ]᠄
ᠣᠶ᠋ᠢᠷ᠎ᠠ ᠵᠢᠨ ᠵᠢᠯ᠎ᠤᠳ᠎ᠲᠤ᠂ ᠤᠯᠠᠭ᠋ᠠᠨᠬᠠᠳᠠ ᠬᠣᠲᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢ ᠰᠤᠩᠭᠤᠨ ᠪᠣᠢ ᠪᠣᠯᠭ᠋ᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠡᠶ᠋ᠢᠲᠡᠯᠢᠭ ᠵᠢᠱ᠌ᠢᠶ᠎ᠡ᠎ᠪᠠᠷ ᠳᠠᠭ᠋ᠠᠭᠤᠯᠬᠤ ᠠᠷᠭ᠎ᠠ ᠵᠢ ᠠᠪᠴᠤ᠂ ᠪᠦᠬᠦ ᠤᠯᠤᠰ᠂ ᠪᠦᠬᠦ ᠣᠷᠣᠨ᠂ ᠪᠦᠬᠦ ᠬᠣᠲᠠ ᠵᠢᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠨᠢᠭᠡ ᠪᠦᠯᠦᠭ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢ ᠪᠣᠶ᠋ᠢᠵᠢᠭᠤᠯᠵᠤ᠂ ᠣᠩᠨᠢᠭᠤᠳ ᠬᠣᠰᠢᠭᠤ ᠵᠢ ᠪᠦᠬᠦ ᠤᠯᠤᠰ᠎ᠤᠨ ᠡᠯᠸᠺᠲᠷᠤᠨ ᠵᠠᠰᠠᠭ᠎ᠤᠨ ᠶᠠᠪᠤᠳᠠᠯ᠎ᠤᠨ ᠲᠠᠪᠴᠠᠩ ᠵᠶ᠋ᠠᠷ ᠲᠦᠰᠢᠭ ᠪᠣᠯᠭ᠋ᠠᠨ ᠰᠢᠶᠠᠨ᠎ᠤ ᠱᠠᠲᠤᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠴᠢᠩᠭ᠋ᠠᠳᠬᠠᠬᠤ ᠨᠡᠢ᠌ᠲᠡᠯᠢᠭ ᠵᠢᠱ᠌ᠢᠶ᠎ᠡ ᠪᠣᠯᠭ᠋ᠠᠬᠤ᠎ᠪᠠᠷ ᠪᠣᠢ᠌ᠵᠢᠭᠤᠯᠪᠠ᠂ ᠠᠤᠬᠠᠨ ᠬᠣᠰᠢᠭᠤ ᠪᠣᠯ ᠪᠦᠬᠦ ᠤᠯᠤᠰ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠲᠡᠷᠢᠭᠦᠨ᠎ᠤ ᠨᠢᠭᠡᠴᠡ᠂ ᠪᠦᠬᠦ ᠤᠯᠤᠰ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢᠱ᠌ᠢᠶ᠎ᠡ ᠦᠵᠡᠭᠦᠯᠬᠦ ᠴᠢᠭ᠋ ᠪᠠᠢ᠌ᠵᠤ᠂ ᠬᠠᠷᠠᠴᠢᠨ ᠬᠣᠰᠢᠭᠤ ᠪᠦᠬᠦ ᠣᠷᠣᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢᠱ᠌ᠢᠶ᠎ᠡ ᠦᠵᠡᠭᠦᠯᠬᠦ ᠴᠢᠭ᠋ ᠪᠣᠯᠣᠭᠰᠠᠨ᠎ᠤ ᠬᠤᠪᠢ᠎ᠳᠤ᠂ ᠪᠢᠳᠡ ᠡᠳᠡᠭᠡᠷ ᠲᠡᠷᠢᠭᠦᠨ᠎ᠤ ᠨᠡᠶ᠋ᠢᠲᠡᠯᠢᠭ ᠵᠢᠱ᠌ᠢᠶᠡᠨᠦᠭᠦᠳᠤᠨ ᠤᠷᠮᠠᠰᠢᠭᠤᠯᠬᠤ᠂ ᠦᠯᠢᠭᠡᠷ ᠵᠢᠱ᠌ᠢᠶ᠎ᠡ ᠦᠵᠡᠭᠦᠯᠬᠦ ᠪᠠ ᠤᠳᠤᠷᠢᠳᠤᠮᠵᠢ ᠵᠢᠨ ᠦᠢ᠍ᠯᠡᠳᠦᠯ᠎ᠢ ᠢᠳᠡᠪᠬᠢᠲᠡᠢ᠎ᠪᠠᠷ ᠪᠠᠳᠠᠷᠠᠭᠤᠯᠵᠤ᠂ ᠴᠢᠭ᠋ ᠵᠶ᠋ᠠᠷ ᠨᠡᠢ᠌ᠳᠡᠮ᠎ᠢ ᠳᠠᠢ᠌ᠴᠢᠯᠠᠨ᠂ ᠴᠢᠭ᠋ ᠬᠢᠭᠡᠳ ᠨᠡᠢ᠌ᠳᠡᠮ᠎ᠢ ᠤᠶᠠᠯᠳᠤᠭᠤᠯᠵᠤ᠂ ᠪᠦᠬᠦ ᠬᠣᠲᠠ ᠵᠢᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ ᠦᠷᠨᠢᠭᠦᠯᠬᠦ ᠵᠢ ᠲᠦᠯᠬᠢᠨ ᠠᠬᠢᠭᠤᠯᠪᠠ᠃
[ᠬᠥᠲᠥᠯᠥᠭᠴᠢ]᠄
ᠪᠢᠳᠡᠨ᠎ᠳᠤ ᠡᠳᠡᠭᠡᠷ ᠨᠡᠶ᠋ᠢᠲᠡᠯᠢᠭ ᠵᠢᠱ᠌ᠢᠶᠡᠨᠦᠭᠦᠳᠤᠨ ᠰᠠᠶ᠋ᠢᠨ ᠲᠤᠷᠰᠢᠯᠭ᠎ᠠ᠂ ᠰᠠᠶ᠋ᠢᠨ ᠠᠷᠭ᠎ᠠ ᠪᠠᠷᠢᠯ᠎ᠢ ᠪᠣᠳᠠᠲᠠᠶ᠎ᠪᠠᠷ ᠲᠠᠨᠢᠯᠴᠠᠭᠤᠯᠵᠤ ᠥᠭᠭᠦᠨ᠎ᠡ ᠤᠤ?
[ ᠹᠸᠩ ᠯᠢ ᠰᠠᠨ]᠄
ᠣᠩᠨᠢᠭᠤᠳ ᠬᠣᠰᠢᠭᠤ ᠪᠦᠬᠦ ᠤᠯᠤᠰ᠎ᠤᠨ ᠡᠯᠸᠺᠲᠷᠤᠨ ᠵᠠᠰᠠᠭ᠎ᠤᠨ ᠶᠠᠪᠤᠳᠠᠯ᠎ᠤᠨ ᠲᠠᠪᠴᠠᠩ ᠵᠶ᠋ᠠᠷ ᠲᠦᠰᠢᠭ ᠪᠣᠯᠭ᠋ᠠᠨ ᠰᠢᠶᠠᠨ᠎ᠤ ᠱᠠᠲᠤᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠴᠢᠩᠭ᠋ᠠᠳᠬᠠᠬᠤ ᠲᠤᠷᠰᠢᠯᠲᠠ ᠵᠢᠨ ᠴᠢᠭ᠋ ᠪᠣᠯᠣᠭᠰᠠᠨ᠎ᠤ ᠬᠤᠪᠢ᠎ᠳᠤ᠂ ᠣᠶ᠋ᠢᠷ᠎ᠠ ᠵᠢᠨ ᠵᠢᠯ᠎ᠤᠳ᠎ᠲᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠢᠰᠲᠸᠮᠵᠢ ᠵᠢᠨ ᠪᠠᠶ᠋ᠢᠭᠤᠯᠤᠯᠲᠠ᠎ᠪᠠᠨ ᠲᠠᠰᠤᠷᠠᠯᠲᠠ ᠦᠭᠡᠶ ᠴᠢᠩᠭ᠋ᠠᠳᠬᠠᠨ᠂ ᠵᠠᠰᠠᠭ᠎ᠢ ᠴᠤᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ ᠵᠢ ᠭᠣᠣᠯᠳᠠᠯᠭ᠎ᠠ᠎ᠲᠠᠢ ᠲᠦᠯᠬᠢᠨ ᠠᠬᠢᠭᠤᠯᠵᠤ᠂ ᠣᠯᠠᠨ ᠲᠦᠮᠡᠨ᠎ᠳᠤ ᠳᠥᠭᠥᠮ ᠳᠥᠲᠡ ᠪᠥᠭᠡᠳ ᠦᠨᠳᠦᠷ ᠦᠷ᠎ᠡ ᠪᠦᠲᠦᠮᠵᠢ᠎ᠲᠠᠢ᠂ ᠢᠯᠡ ᠲᠤᠲᠤᠷᠬᠠᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠠᠩᠭ᠋ᠠᠬᠤ ᠲᠠᠯ᠎ᠠ᠎ᠪᠠᠷ ᠬᠦᠴᠦ ᠲᠠᠯᠪᠢᠨ᠂ ᠪᠤᠲᠠᠲᠠᠢ ᠦᠷ᠎ᠡ ᠪᠦᠲᠦᠮᠵᠢ ᠵᠢ ᠡᠷᠬᠢᠮᠯᠡᠵᠦ᠂ ᠠᠷᠠᠳ᠎ᠲᠤ ᠳᠥᠭᠥᠮ ᠦᠵᠡᠭᠦᠯᠵᠦ ᠠᠷᠠᠳ᠎ᠲᠤ ᠲᠤᠰᠠᠲᠠᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠢ ᠴᠢᠷᠮᠠᠶ᠋ᠢᠨ ᠪᠠᠢ᠌ᠭᠤᠯᠵᠤ᠂ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠥᠷᠭᠡᠨ ᠳᠡᠯᠭᠡᠷ ᠨᠣᠲᠠᠯᠠᠯᠲᠠ ᠪᠠ ᠳᠡᠭᠡᠳᠦ ᠬᠡᠮᠵᠢᠶᠡᠨ᠎ᠤ ᠦᠨᠡᠯᠡᠯᠲᠡ ᠵᠢ ᠣᠯᠣᠭᠰᠠᠨ ᠪᠠᠶ᠋ᠢᠨ᠎ᠠ᠃ ᠣᠩᠨᠢᠭᠤᠳ ᠬᠣᠰᠢᠭᠤᠨ᠎ᠤ ᠵᠠᠰᠠᠭ᠎ᠤᠨ ᠣᠷᠳᠣᠨ᠎ᠤ ᠫᠣᠷᠲᠸᠯ ᠰᠦᠯᠵᠢᠶ᠎ᠡ 《ᠵᠠᠰᠠᠭ᠎ᠤᠨ ᠣᠷᠳᠣᠨ ᠢᠯᠡ ᠮᠡᠳᠡᠭᠡ ᠵᠠᠩᠭᠢ》 ᠪᠠ 《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠲᠤᠰᠬᠠᠶ ᠪᠤᠯᠤᠩ᠎ᠢ ᠨᠡᠭᠡᠭᠡᠭᠰᠡᠨ ᠪᠥᠭᠡᠳ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠢᠯᠡ ᠪᠣᠯᠭ᠋ᠠᠭᠰᠠᠨ ᠵᠢ ᠪᠦᠷᠢᠳᠬᠡᠬᠦ ᠪᠠ ᠵᠠᠰᠠᠭ ᠵᠠᠬᠢᠷᠭ᠋ᠠᠨ᠎ᠤ ᠡᠷᠬᠡ ᠲᠤᠰᠢᠶᠠᠯ᠎ᠤᠨ ᠵᠦᠢ᠍ᠯᠡᠰ᠎ᠢ ᠵᠢᠷᠤᠮᠵᠢᠭᠤᠯᠬᠤ ᠠᠵᠢᠯ᠎ᠢ ᠪᠡᠶᠡᠯᠡᠭᠦᠯᠵᠦ᠂ 2014 ᠣᠨ᠎ᠳᠤ ᠪᠦᠬᠦ ᠬᠣᠰᠢᠭᠤᠨ᠎ᠤ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠭᠰᠠᠨ ᠮᠡᠳᠡᠭᠡ ᠵᠠᠩᠭᠢ 4130 ᠵᠣᠷᠪᠤᠰ᠂ ᠲᠤᠬᠠᠶ᠋ᠢᠯᠠᠭᠰᠠᠨ ᠠᠵᠢᠯ᠎ᠤᠨ ᠬᠥᠳᠡᠯᠦᠩᠭᠦᠶ ᠪᠠᠢ᠌ᠳᠠᠯ᠎ᠤᠨ ᠲᠥᠷᠥᠯ᠎ᠤᠨ ᠮᠡᠳᠡᠭᠡ ᠵᠠᠩᠭᠢ 2000 ᠭᠠᠷᠤᠶ ᠵᠣᠷᠪᠤᠰ᠂ ᠵᠠᠰᠠᠭ᠎ᠤᠨ ᠣᠷᠳᠣᠨ ᠬᠤᠳᠠᠯᠳᠤᠨ ᠠᠪᠬᠤ ᠲᠥᠷᠥᠯ᠎ᠤᠨ ᠮᠡᠳᠡᠭᠡ ᠵᠠᠩᠭᠢ 160 ᠵᠦᠢ᠍ᠯ ᠪᠠᠢ᠌ᠵᠤ᠂ ᠵᠠᠰᠠᠭ᠎ᠤᠨ ᠣᠷᠳᠣᠨ᠎ᠤ ᠫᠣᠷᠲᠸᠯ ᠰᠦᠯᠵᠢᠶ᠎ᠡ᠂ ᠣᠯᠠᠨ ᠨᠡᠶ᠋ᠢᠲᠡ ᠵᠢᠨ ᠡᠷᠢᠵᠦ ᠦᠵᠡᠬᠦ ᠲᠠᠯᠠᠪᠤᠷ᠎ᠤᠨ ᠰᠤᠷᠪᠤᠯᠵᠢᠯᠠᠭᠰᠠᠨ ᠲᠣᠭ᠎ᠠ 10 ᠭᠠᠷᠤᠢ ᠲᠦᠮᠡᠨ ᠤᠳᠠᠭ᠎ᠠ᠎ᠳᠤ ᠬᠦᠷᠦᠭᠰᠡᠨ ᠪᠠᠶ᠋ᠢᠨ᠎ᠠ᠃ 《ᠬᠠᠰᠤᠬᠤ ᠵᠢ᠎ᠨᠢ ᠵᠠᠪᠠᠯ ᠬᠠᠰᠤᠵᠤ᠂ ᠳᠤᠷᠤᠭᠰᠢ ᠪᠠᠭᠤᠯᠭ᠋ᠠᠬᠤ ᠵᠢ᠎ᠨᠢ ᠵᠠᠪᠠᠯ ᠳᠣᠷᠣᠭᠰᠢ ᠪᠠᠭᠤᠯᠭ᠋ᠠᠬᠤ》 ᠵᠠᠷᠴᠢᠮ᠎ᠤᠨ ᠶᠤᠰᠤᠭ᠋ᠠᠷ᠂ ᠪᠦᠬᠦ ᠬᠣᠰᠢᠭᠤᠨ᠎ᠤ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠲᠠᠰᠤᠷᠠᠯᠲᠠ ᠦᠭᠡᠶ ᠵᠢᠷᠤᠮᠵᠢᠭᠤᠯᠤᠨ᠂ ᠬᠦᠴᠦᠨ ᠦᠭᠡᠶ ᠪᠣᠯᠭ᠋ᠠᠬᠤ᠂ ᠨᠡᠶ᠋ᠢᠯᠡᠭᠦᠯᠬᠦ᠂ ᠳᠤᠷᠤᠭᠰᠢ ᠪᠠᠭᠤᠯᠭ᠋ᠠᠵᠤ᠂ ᠬᠢᠨᠠᠨ ᠵᠥᠪᠰᠢᠶᠡᠷᠡᠬᠦ᠎ᠪᠠᠨ ᠲᠦᠷ ᠵᠣᠭᠰᠤᠭ᠋ᠠᠬᠤ᠂ ᠦᠢ᠍ᠯᠡᠴᠢᠯᠡᠭᠡᠨ᠎ᠤ ᠵᠦᠢ᠍ᠯᠡᠰ᠎ᠢ ᠪᠣᠯᠭ᠋ᠠᠨ ᠬᠣᠪᠢᠷᠠᠭᠤᠯᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ ᠤᠤᠯ᠎ᠤᠨ 307 ᠵᠦᠢ᠍ᠯ᠎ᠠᠴᠠ᠎ᠨᠢ 85 ᠵᠦᠢ᠍ᠯ ᠪᠣᠯᠭ᠋ᠠᠨ ᠪᠠᠭ᠋ᠠᠰᠬᠠᠵᠤ᠂ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ ᠡᠭᠦᠷᠭᠡᠯᠡᠵᠦ ᠪᠠᠢ᠌ᠭᠰᠠᠨ ᠰᠠᠯᠠᠭ᠎ᠠ ᠮᠥᠴᠢᠷ ᠤᠤᠯ᠎ᠤᠨ 35 ᠪᠠᠢ᠌ᠭᠰᠠᠨ᠎ᠠᠴᠠ᠎ᠨᠢ 27 ᠪᠣᠯᠲᠠᠯ᠎ᠠ ᠪᠠᠭ᠋ᠠᠰᠬᠠᠭᠰᠠᠨᠤ ᠬᠠᠮᠲᠤ 2356 ᠵᠦᠢ᠍ᠯ ᠡᠷᠬᠡ ᠵᠢᠨ ᠨᠠᠷᠢᠨ ᠳᠠᠩᠰᠠ ᠵᠢ ᠪᠦᠬᠦ ᠨᠡᠶ᠋ᠢᠭᠡᠮ᠎ᠳᠤ ᠨᠡᠶ᠋ᠢᠲᠡᠯᠡᠪᠡ᠃ 2014 ᠣᠨ᠎ᠤ 3 ᠳ᠋ᠤᠭ᠋ᠠᠷ ᠰᠠᠷ᠎ᠠ ᠵᠢᠨ 28᠎ᠤ ᠡᠳᠦᠷ᠂ ᠯᠢ ᠺᠸ ᠴᠢᠶᠠᠩ ᠶᠡᠷᠦᠩᠬᠡᠶ ᠰᠠᠶ᠋ᠢᠳ ᠣᠩᠨᠢᠭᠤᠳ ᠬᠣᠰᠢᠭᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠢ ᠪᠠᠢ᠌ᠴᠠᠭ᠋ᠠᠨ ᠦᠵᠡᠬᠦ᠎ᠳᠡᠭᠡᠨ᠂ ᠣᠩᠨᠢᠭᠤᠳ ᠬᠣᠰᠢᠭᠤᠨ᠎ᠤ ᠵᠠᠰᠠᠭ᠎ᠢ ᠴᠤᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠭᠰᠠᠨ ᠠᠵᠢᠯ᠎ᠢ ᠭᠦᠢ᠍ᠴᠡᠳ ᠨᠣᠲᠠᠯᠠᠵᠠᠢ᠃ ᠡᠭᠦᠨ᠎ᠠᠴᠠ ᠭᠠᠳᠠᠨ᠎ᠠ᠂ ᠣᠩᠨᠢᠭᠤᠳ ᠬᠣᠰᠢᠭᠤᠨ᠎ᠤ ᠭᠠᠵᠠᠷ ᠨᠤᠲᠤᠭ ᠦᠷᠭᠡᠨ ᠠᠭᠤᠳᠠᠮ ᠬᠥᠮᠦᠨ ᠠᠮᠠ ᠴᠥᠭᠡᠨ ᠪᠠᠢ᠌ᠭ᠎ᠠ ᠪᠣᠳᠠᠲᠠᠶ ᠪᠠᠢ᠌ᠳᠠᠯ᠎ᠢ ᠦᠨᠳᠦᠰᠦᠯᠡᠨ᠂ ᠣᠯᠠᠨ ᠲᠦᠮᠡᠨ ᠣᠶ᠋ᠢᠷ᠎ᠠ ᠬᠠᠪᠢ᠎ᠳᠠᠭᠠᠨ ᠠᠵᠢᠯ ᠶᠠᠪᠤᠳᠠᠯ ᠭᠦᠢ᠍ᠴᠡᠳᠬᠡᠬᠦ᠎ᠳᠤ ᠳᠦᠭᠦᠮ ᠪᠣᠯᠭ᠋ᠠᠬᠤ ᠵᠢᠨ ᠲᠤᠰᠠᠳᠠ᠂ ᠤᠷᠢᠳ ᠬᠣᠵᠢᠳ ᠰᠣᠮᠣ ᠵᠢᠨ ᠱᠠᠲᠤᠨ᠎ᠤ ᠠᠷᠠᠳ᠎ᠲᠤ ᠳᠥᠭᠥᠮ ᠦᠵᠡᠭᠦᠯᠬᠦ 13 ᠦᠢ᠍ᠯᠡᠴᠢᠯᠡᠭᠡᠨ᠎ᠤ ᠲᠥᠪ᠂ ᠭᠠᠴᠠᠭ᠋ᠠᠨ᠎ᠤ ᠱᠠᠲᠤᠨ᠎ᠤ ᠣᠯᠠᠨ ᠲᠦᠮᠡᠨ᠎ᠳᠤ ᠳᠥᠭᠥᠮ ᠦᠵᠡᠭᠦᠯᠬᠦ 160 ᠦᠢ᠍ᠯᠡᠴᠢᠯᠡᠬᠦ ᠴᠢᠭ᠋ ᠪᠠᠢ᠌ᠭᠤᠯᠵᠤ᠂ 《ᠬᠦᠨᠳᠡᠯᠡᠨ ᠭᠤᠯᠳᠤ ᠨᠡᠢ᠌ᠳᠡᠮ᠎ᠳᠤ᠎ᠨᠢ ᠬᠠᠮᠤᠷᠤᠭᠰᠠᠨ》 ᠲᠣᠣᠷᠴᠢᠯᠠᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠪᠡᠶᠡᠯᠡᠭᠦᠯᠵᠦ᠂ ᠣᠯᠠᠨ ᠲᠦᠮᠡᠨ ᠠᠵᠢᠯ ᠶᠠᠪᠤᠳᠠᠯ ᠰᠢᠢ᠍ᠳᠪᠦᠷᠢᠯᠡᠬᠦ᠎ᠳᠤ ᠳᠤᠮᠳᠠᠴᠢ᠎ᠪᠠᠷ 50%᠎ᠠᠴᠠ ᠳᠡᠭᠡᠭᠰᠢᠬᠢ ᠴᠠᠭ ᠠᠷᠪᠢᠯᠠᠵᠤ᠂ ᠠᠵᠢᠯ ᠶᠠᠪᠤᠳᠠᠯ ᠰᠢᠢ᠍ᠳᠪᠦᠷᠢᠯᠡᠬᠦ ᠵᠠᠮ᠎ᠤᠨ ᠥᠪᠡᠷ᠎ᠤᠨ ᠥᠷᠲᠡᠭ᠎ᠢ 80% ᠣᠷᠴᠢᠮ ᠠᠷᠪᠢᠯᠠᠵᠠᠢ᠃
[ ᠹᠸᠩ ᠯᠢ ᠰᠠᠨ]᠄
ᠠᠤᠬᠠᠨ ᠬᠣᠰᠢᠭᠤ ᠪᠣᠯ ᠪᠦᠬᠦ ᠤᠯᠤᠰ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠲᠡᠷᠢᠭᠦᠨ᠎ᠤ ᠨᠢᠭᠡᠴᠡ᠂ ᠪᠦᠬᠦ ᠤᠯᠤᠰ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢᠱ᠌ᠢᠶ᠎ᠡ ᠦᠵᠡᠭᠦᠯᠬᠦ ᠴᠢᠭ᠋ ᠪᠠᠢ᠌ᠵᠤ᠂ ᠣᠯᠠᠨ ᠵᠢᠯ᠎ᠤᠨ ᠲᠤᠷᠰᠢ ᠪᠣᠳᠠᠲᠠᠶ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠳᠤᠮᠳᠠ᠂ ᠭᠣᠣᠯᠳᠠᠯᠭ᠎ᠠ ᠵᠢ ᠳᠣᠪᠤᠢ᠌ᠯᠭ᠋ᠠᠨ᠂ ᠳᠦᠷᠢᠮ᠎ᠤᠨ ᠪᠠᠲᠤᠯᠠᠭ᠎ᠠ᠎ᠲᠠᠢ ᠲᠠᠪᠴᠠᠩ᠎ᠤᠨ ᠵᠠᠰᠠᠭ ᠵᠠᠬᠢᠷᠭ᠋ᠠᠨ᠎ᠤ ᠦᠢ᠍ᠯᠡᠴᠢᠯᠡᠭᠡᠨ᠎ᠤ ᠲᠥᠪ ᠪᠠᠢ᠌ᠭᠤᠯᠵᠤ᠂ ᠵᠠᠰᠠᠭ ᠵᠠᠬᠢᠷᠭ᠋ᠠᠨ᠎ᠤ ᠠᠵᠢᠯᠯᠠᠭ᠎ᠠ ᠵᠢ ᠵᠢᠷᠤᠮᠵᠢᠭᠤᠯᠤᠨ᠂ ᠬᠠᠤᠯᠢ ᠶᠣᠰᠣᠭ᠋ᠠᠷ ᠢᠯᠡ ᠪᠣᠯᠭ᠋ᠠᠬᠤ ᠵᠢ ᠴᠢᠩᠳᠠᠯᠠᠵᠤ᠂ ᠠᠷᠠᠳ᠎ᠲᠤ ᠳᠥᠭᠥᠮ ᠦᠵᠡᠭᠦᠯᠦᠨ ᠠᠷᠠᠳ᠎ᠲᠤ ᠠᠰᠢᠭ ᠬᠦᠷᠲᠡᠭᠡᠬᠦ ᠣᠷᠴᠢᠨ ᠲᠣᠭᠤᠷᠢᠨ᠎ᠢ ᠰᠢᠯᠢᠳᠡᠭᠵᠢᠭᠦᠯᠵᠦ᠂ ᠦᠢ᠍ᠯᠡᠴᠢᠯᠡᠭᠡᠨ᠎ᠤ ᠴᠣᠩᠬᠤ ᠵᠢᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠤᠨ᠂ ᠦᠨᠡᠨᠴᠢ ᠢᠲᠡᠭᠡᠮᠵᠢᠲᠡᠶ᠂ ᠵᠢᠷᠤᠮᠵᠢᠭᠰᠠᠨ᠂ ᠠᠷᠢᠭᠤᠨ ᠴᠢᠬᠡᠴᠢ᠂ ᠥᠨᠳᠥᠷ ᠦᠷ᠎ᠡ ᠪᠦᠲᠦᠮᠵᠢᠲᠡᠶ ᠦᠢ᠍ᠯᠡᠴᠢᠯᠡᠭᠡᠨ᠎ᠤ ᠠᠷᠭ᠎ᠠ ᠬᠡᠮᠵᠢᠶ᠎ᠡ᠎ᠪᠠᠷ ᠰᠢᠨ᠎ᠡ ᠬᠡᠪ ᠪᠠᠶ᠋ᠢᠳᠠᠯ᠎ᠢ ᠪᠣᠢ ᠪᠣᠯᠭ᠋ᠠᠵᠤ᠂ ᠣᠯᠠᠨ ᠲᠦᠮᠡᠨ᠎ᠤ ᠮᠠᠭᠲᠠᠭ᠋ᠠᠯ ᠰᠠᠶ᠋ᠢᠰᠢᠶᠠᠯ᠎ᠢ ᠣᠯᠤᠭᠰᠠᠨ ᠪᠠᠶ᠋ᠢᠨ᠎ᠠ᠃ ᠨᠢᠭᠡ᠎ᠳᠤ ᠬᠠᠲᠠᠭᠤ ᠵᠥᠭᠡᠯᠡᠨ ᠬᠡᠷᠡᠭᠰᠡᠯ᠎ᠤᠨ ᠪᠦᠲᠦᠭᠡᠨ ᠪᠠᠶ᠋ᠢᠭᠤᠯᠤᠯᠲᠠ ᠵᠢ ᠴᠢᠬᠤᠯᠠᠴᠢᠯᠠᠨ᠂ ᠰᠠᠭᠤᠷᠢ ᠪᠡᠯᠡᠳᠬᠡᠮᠵᠢ ᠵᠢᠨ ᠲᠠᠯ᠎ᠠ ᠵᠢᠨ ᠬᠥᠮᠥᠨᠯᠢᠭ ᠴᠢᠨᠠᠷ᠎ᠢ ᠪᠡᠶᠡᠯᠡᠭᠦᠯᠪᠡ᠃ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠢᠰᠲ᠋ᠧᠮ᠂ ᠡᠯᠧᠺᠲᠷᠣᠨ ᠬᠢᠨᠠᠨ ᠪᠠᠶ᠋ᠢᠴᠠᠭ᠋ᠠᠬᠤ ᠰᠢᠰᠲ᠋ᠧᠮ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠦᠯᠵᠢᠶᠡᠨ᠎ᠤ ᠰᠢᠰᠲ᠋ᠧᠮ᠂ ᠦᠨᠡᠯᠡᠯᠲᠡ ᠵᠶ᠋ᠡᠷ ᠰᠢᠰᠲ᠋ᠧᠮ ᠵᠡᠷᠭᠡ ᠢᠨᠵᠧᠨᠧᠷᠢᠩ᠎ᠢ ᠪᠠᠢ᠌ᠭᠤᠯᠵᠤ᠂ ᠮᠡᠳᠡᠭᠡ ᠵᠠᠩᠭᠢᠴᠢᠯᠠᠭᠰᠠᠨ ᠦᠢ᠍ᠯᠡᠴᠢᠯᠡᠭᠡ ᠵᠢ ᠣᠷᠣᠨ ᠪᠠᠢ᠌ᠷᠢ᠎ᠳᠤ᠎ᠨᠢ ᠬᠦᠷᠦᠭᠦᠯᠪᠡ; 2 ᠲᠦᠮᠡᠨ 《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠭᠯᠡᠭᠦᠷ》᠎ᠤᠨ ᠭᠠᠷ ᠳᠡᠪᠲᠡᠷ ᠳᠠᠷᠤᠮᠠᠯᠯᠠᠨ ᠂ ᠪᠦᠬᠦ ᠬᠣᠰᠢᠭᠤᠨ᠎ᠤ ᠰᠤᠮᠤ᠂ ᠭᠠᠴᠠᠭ᠎ᠠ᠂ ᠳᠤᠭᠤᠶ᠋ᠢᠯᠠᠩ᠂ ᠠᠵᠤ ᠠᠬᠤᠶ᠋ᠢᠯᠠᠯ ᠪᠣᠯᠣᠨ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠳᠤ ᠬᠦᠷᠲᠡᠯ᠎ᠡ ᠲᠠᠷᠬᠠᠭ᠋ᠠᠵᠤ᠂ ᠦᠢ᠍ᠯᠡᠴᠢᠯᠡᠭᠡᠨ᠎ᠤ ᠴᠣᠩᠬᠣ ᠵᠢᠯ ᠪᠦᠷᠢ ᠨᠢᠭᠡ ᠤᠳᠠᠭ᠎ᠠ ᠵᠢᠨ ᠴᠢᠨᠠᠷᠲᠠᠢ ᠮᠡᠳᠡᠭᠳᠡᠬᠦ ᠪᠢᠴᠢᠭ ᠢ ᠲᠦᠮᠡ ᠰᠢᠬᠠᠮ ᠬᠤᠪᠢ ᠲᠠᠷᠬᠠᠭ᠋ᠠᠵᠤ ᠪᠤᠢ; ᠠᠤᠬᠠᠨ ᠬᠣᠰᠢᠭᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠰᠦᠯᠵᠢᠶ᠎ᠡ ᠵᠢ ᠠᠤᠬᠠᠨ ᠬᠣᠰᠢᠭᠤᠨ᠎ᠤ ᠵᠠᠰᠠᠭ᠎ᠤᠨ ᠣᠷᠳᠣᠨ᠎ᠤ ᠫᠤᠷᠲᠸᠯ ᠰᠦᠯᠵᠢᠶᠡᠯᠦᠭᠡ ᠪᠦᠬᠦ ᠱᠤᠭᠤᠮ ᠵᠶ᠋ᠠᠷ ᠴᠦᠷᠬᠡᠯᠡᠵᠦ᠂ ᠰᠦᠯᠵᠢᠶᠡᠨ ᠳᠡᠭᠡᠷ᠎ᠡ ᠤᠷᠢᠳᠴᠢᠯᠠᠨ ᠬᠢᠨᠠᠬᠤ᠂ ᠭᠦᠢ᠍ᠴᠡᠳᠬᠡᠭᠰᠡᠨ ᠵᠦᠢ᠍ᠯ᠎ᠢ ᠠᠰᠠᠭᠤᠨ ᠯᠠᠪᠯᠠᠬᠤ᠂ ᠬᠢᠨᠠᠨ ᠵᠥᠪᠰᠢᠶᠡᠷᠡᠯ᠎ᠤᠨ ᠬᠦᠳᠡᠯᠦᠩᠭᠦᠢ ᠪᠠᠢ᠌ᠳᠠᠯ᠂ ᠰᠦᠯᠵᠢᠶᠡᠨ ᠳᠡᠭᠡᠷ᠎ᠡ ᠵᠥᠪᠯᠡᠯᠭᠡ ᠠᠪᠤᠨ ᠵᠠᠭ᠋ᠠᠯᠳᠤᠯᠭ᠎ᠠ ᠬᠢᠬᠦ᠂ ᠣᠯᠠᠨ ᠲᠦᠮᠡᠨ᠎ᠤ ᠬᠠᠨᠤᠮᠵᠢ ᠵᠢᠨ ᠬᠡᠮᠵᠢᠶ᠎ᠡ ᠵᠢ ᠰᠢᠯᠭ᠋ᠠᠨ ᠬᠡᠮᠵᠢᠬᠦ᠂ ᠣᠯᠠᠨ ᠲᠦᠮᠡᠨ᠎ᠳᠤ ᠳᠥᠭᠥᠮ ᠦᠵᠡᠭᠦᠯᠬᠦ ᠦᠢ᠍ᠯᠡᠴᠢᠯᠡᠭᠡ ᠵᠢ ᠡᠷᠢᠨ ᠯᠠᠪᠯᠠᠬᠤ᠂ ᠮᠡᠳᠡᠭᠡ ᠵᠠᠩᠭᠢ ᠨᠡᠶ᠋ᠢᠲᠡᠯᠡᠬᠦ ᠪᠠ ᠮᠡᠳᠡᠭᠡ ᠵᠠᠩᠭᠢ ᠵᠢ ᠢᠯᠡ ᠪᠣᠯᠭ᠋ᠠᠬᠤ ᠵᠡᠷᠭᠡ ᠴᠢᠳᠠᠮᠵᠢ ᠵᠢ ᠪᠡᠶᠡᠯᠡᠭᠦᠯᠪᠡ᠃ ᠬᠣᠶᠠᠷ᠎ᠲᠤ ᠴᠢᠭ᠋ ᠱᠤᠭᠤᠮ ᠲᠠᠯ᠎ᠠ ᠵᠢᠨ ᠦᠢ᠍ᠯᠡᠴᠢᠯᠡᠭᠡ ᠵᠢ ᠳᠣᠪᠣᠢ᠌ᠯᠭ᠋ᠠᠨ᠂ ᠵᠠᠰᠠᠭ᠎ᠤᠨ ᠶᠠᠪᠤᠳᠠᠯ᠎ᠤᠨ ᠬᠢᠨᠠᠨ ᠵᠥᠪᠰᠢᠶᠡᠷᠡᠯ᠎ᠢ ᠴᠢᠨᠠᠷ ᠰᠠᠢ᠌ᠲᠠᠢ ᠪᠣᠯᠭ᠋ᠠᠬᠤ ᠵᠢ ᠪᠡᠶᠡᠯᠡᠭᠦᠯᠪᠡ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠎ᠳᠤ᠂ ᠠᠤᠬᠠᠨ ᠬᠣᠰᠢᠭᠤ ᠴᠤᠪᠤᠷᠠᠯ᠎ᠢ ᠰᠢᠯᠢᠳᠡᠭᠵᠢᠬᠦᠯᠬᠦ᠂ ᠳᠡᠰ ᠳᠠᠷᠠᠭ᠋ᠠᠯᠠᠯ᠎ᠢ ᠳᠦᠭᠦᠮᠴᠢᠯᠡᠬᠦ᠂ ᠬᠤᠭᠤᠴᠠᠭ᠎ᠠ ᠬᠢᠵᠠᠭ᠋ᠠᠷ᠎ᠢ ᠪᠣᠭᠤᠨᠢᠰᠬᠠᠬᠤ ᠲᠠᠯ᠎ᠠ᠎ᠪᠠᠷ ᠬᠦᠴᠦᠯᠡᠵᠦ᠂ ᠠᠷᠠᠳ᠎ᠲᠤ ᠳᠥᠭᠥᠮ ᠦᠵᠡᠭᠦᠯᠵᠦ ᠠᠷᠠᠳ᠎ᠲᠤ ᠲᠤᠰᠠ ᠬᠦᠷᠭᠡᠬᠦ ᠵᠢ ᠪᠡᠶᠡᠯᠡᠭᠦᠯᠦᠨ᠂ ᠭᠡᠷᠡᠴᠢ ᠦᠨᠡᠮᠯᠡᠯ᠎ᠢ 《ᠤᠷᠢᠳᠠᠪᠡᠷ ᠨᠡᠮᠡᠵᠦ ᠬᠡᠪᠯᠡᠭᠦ》 ᠳᠡᠰ ᠳᠠᠷᠠᠭ᠋ᠠᠯᠠᠯ᠎ᠢ ᠶᠠᠪᠤᠭᠤᠯᠵᠤ᠂ ᠬᠢᠨᠠᠨ ᠵᠥᠪᠰᠢᠶᠡᠷᠡᠬᠦ ᠨᠢᠭᠡᠴᠡ ᠤᠷᠢᠳᠠᠪᠠᠷ ᠲᠠᠮᠠᠭ᠎ᠠ ᠳᠠᠷᠤᠭᠰᠠᠨ ᠭᠡᠷᠡᠴᠢ ᠦᠨᠡᠮᠯᠡᠯ᠎ᠢ ᠦᠢ᠍ᠯᠡᠴᠢᠯᠡᠭᠡᠨ᠎ᠤ ᠴᠣᠩᠬᠤᠨ᠎ᠳᠤ ᠬᠠᠳᠠᠭ᠋ᠠᠯᠠᠨ ᠲᠠᠯᠪᠢᠵᠤ᠂ 《 ᠬᠢᠨᠠᠵᠤ ᠬᠠᠷᠭᠤᠭᠤᠯᠬᠤ》᠎ᠪᠠᠷ ᠳᠠᠮᠵᠢᠭ᠋ᠠᠳ ᠬᠢᠨᠠᠨ ᠵᠥᠪᠰᠢᠶᠡᠷᠡᠬᠦ ᠱᠠᠭ᠋ᠠᠷᠳᠠᠯᠭ᠎ᠠ᠎ᠲᠠᠢ ᠨᠡᠢ᠌ᠴᠡᠵᠦ ᠪᠠᠢ᠌ᠪᠠᠯ᠂ ᠠᠵᠢᠯ ᠶᠠᠪᠤᠳᠠᠯ ᠰᠢᠢ᠍ᠳᠪᠦᠷᠢᠯᠡᠬᠦ ᠣᠯᠠᠨ ᠲᠦᠮᠡᠨ ᠡᠯ᠎ᠡ ᠲᠥᠷᠥᠯ᠎ᠤᠨ ᠡᠵᠡᠩᠨᠡᠯᠲᠡ ᠵᠢᠨ ᠦᠨᠡᠮᠯᠡᠯ᠎ᠢ ᠰᠢᠭᠤᠳ ᠠᠪᠴᠤ ᠪᠣᠯᠤᠨ᠎ᠠ᠃ ᠭᠤᠷᠪᠠ᠎ᠳᠤ ᠬᠠᠮᠢᠶᠠᠷᠬᠤ ᠬᠢᠨᠠᠵᠤ ᠡᠵᠡᠮᠳᠡᠬᠦ ᠵᠠᠭᠪᠤᠷ᠎ᠤᠨ ᠰᠢᠨ᠎ᠡ ᠵᠢ ᠡᠭᠦᠳᠴᠦ᠂ ᠬᠢᠵᠦ ᠠᠵᠢᠯᠯᠠᠭᠤᠯᠬᠤ ᠵᠢᠨ ᠵᠢᠷᠤᠮᠵᠢᠭᠤᠯᠤᠯᠲᠠ ᠵᠢ ᠪᠡᠶᠡᠯᠡᠭᠦᠯᠪᠡ᠃ ᠬᠠᠮᠢᠶᠠᠷᠤᠯᠲᠠ ᠵᠢᠨ ᠪᠠᠢ᠌ᠭᠤᠯᠤᠯ᠂ ᠠᠵᠢᠯᠯᠠᠭ᠋ᠠᠨ᠎ᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠢᠯ᠎ᠤᠨ ᠰᠤᠷᠲᠠᠯ ᠵᠶ᠋ᠠᠨ ᠲᠠᠰᠤᠷᠠᠯᠲᠠ ᠦᠭᠡᠶ ᠬᠠᠯᠠᠨ ᠰᠠᠶ᠋ᠢᠵᠢᠷᠠᠭᠤᠯᠵᠤ᠂ ᠴᠣᠩᠬᠤᠪᠴᠢ ᠦᠢ᠍ᠯᠡᠴᠢᠯᠡᠭᠡᠨ᠎ᠢ ᠵᠢᠷᠤᠮᠵᠢᠭᠤᠯᠪᠠ᠃
[ᠬᠥᠲᠥᠯᠥᠭᠴᠢ]᠄
ᠤᠯᠠᠭ᠋ᠠᠨᠬᠠᠳᠠ ᠬᠣᠲᠠ ᠵᠢᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠳᠤ ᠶᠠᠮᠠᠷ ᠶᠠᠮᠠᠷ ᠲᠡᠭᠦᠯᠳᠡᠷᠵᠢᠭᠦᠯᠬᠦ ᠴᠢᠬᠤᠯᠠᠲᠠᠢ ᠠᠵᠢᠯ ᠪᠠᠢ᠌ᠭ᠎ᠠ ᠪᠤᠶ?
[ ᠹᠸᠩ ᠯᠢ ᠰᠠᠨ]᠄
ᠮᠠᠨ᠎ᠤ ᠬᠣᠲᠠ ᠵᠢᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ ᠵᠣᠬᠢᠬᠤ ᠠᠮᠵᠢᠯᠲᠠ ᠣᠯᠪᠠ᠂ ᠭᠡᠪᠡᠴᠦ ᠪᠤᠳᠠᠲᠠᠢ ᠠᠵᠢᠯ᠎ᠤᠨ ᠳᠤᠮᠳᠠ ᠪᠠᠰᠠ ᠠᠰᠠᠭᠤᠳᠠᠯ᠎ᠤᠳ ᠣᠷᠣᠰᠢᠵᠤ ᠪᠤᠢ᠂ ᠭᠣᠣᠯ ᠢᠯᠡᠷᠡᠯ᠎ᠨᠢ ᠭᠡᠪᠡᠯ᠄ ᠨᠢᠭᠡ᠎ᠳᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠦᠷᠨᠢᠯᠲᠡ᠎ᠨᠢ ᠲᠡᠩᠴᠡᠭᠦᠷᠢ ᠦᠭᠡᠶ᠂ ᠲᠦᠷᠦᠭᠦᠯᠡᠬᠦ ᠰᠠᠯᠠᠭ᠎ᠠ ᠮᠥᠴᠢᠷ ᠬᠢᠭᠡᠳ ᠬᠠᠮᠵᠢᠯᠴᠠᠬᠤ ᠰᠠᠯᠠᠭ᠎ᠠ ᠮᠥᠴᠢᠷ᠂ ᠲᠦᠷᠦᠭᠦᠯᠡᠬᠦ ᠰᠠᠯᠠᠭ᠎ᠠ ᠮᠥᠴᠢᠷ ᠬᠢᠭᠡᠳ ᠦᠨᠳᠦᠰᠦᠨ ᠱᠠᠲᠤᠨ᠎ᠤ ᠨᠢᠭᠡᠴᠡ ᠵᠢᠨ ᠬᠣᠭᠣᠷᠣᠨᠳᠣᠬᠢ ᠬᠠᠮᠵᠢᠯᠴᠠᠨ ᠵᠣᠬᠢᠴᠠᠭᠤᠯᠬᠤ ᠵᠢ ᠴᠢᠩᠭ᠋ᠠᠳᠬᠠᠬᠤ ᠴᠢᠬᠤᠯᠠᠲᠠᠶ ᠪᠠᠶ᠋ᠢᠨ᠎ᠠ; ᠬᠣᠶᠠᠷ᠎ᠲᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠴᠢᠬᠤᠯᠠᠲᠠᠢ ᠪᠠᠢ᠌ᠨ᠎ᠠ᠃ ᠡᠯ᠎ᠡ ᠭᠠᠵᠠᠷ ᠣᠷᠣᠨ ᠪᠣᠯᠤᠨ ᠰᠠᠯᠠᠭ᠎ᠠ ᠮᠥᠴᠢᠷ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠡᠭᠦᠷᠭᠡᠯᠡᠵᠦ ᠪᠠᠢ᠌ᠭ᠎ᠠ ᠬᠥᠮᠦᠰ᠎ᠤᠨ ᠣᠯᠠᠩᠬᠢ᠎ᠨᠢ ᠲᠤᠰᠢᠶᠠᠯ ᠬᠠᠪᠰᠤᠷᠭ᠋ᠠᠵᠤ᠂ ᠠᠵᠢᠯᠲᠠᠨ᠎ᠨᠢ ᠦᠷᠭᠦᠯᠵᠢ ᠬᠣᠪᠢᠷᠠᠨ᠂ ᠠᠵᠢᠯ ᠦᠷᠨᠢᠭᠦᠯᠬᠦ᠎ᠳᠤ ᠵᠣᠬᠢᠬᠤ ᠬᠦᠴᠢᠷᠳᠡᠯ ᠣᠷᠣᠰᠢᠵᠤ ᠪᠠᠢ᠌ᠨ᠎ᠠ; ᠭᠤᠷᠪᠠ ᠳᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ᠎ᠳᠠᠬᠢ ᠬᠢᠨᠠᠯᠲᠠ ᠲᠠᠯᠪᠢᠵᠤ ᠬᠢᠵᠠᠭ᠋ᠠᠷᠯᠠᠬᠤ ᠲᠣᠭᠲᠠᠴᠠ ᠵᠢ ᠲᠡᠭᠦᠯᠳᠡᠷᠵᠢᠭᠦᠯᠬᠦ ᠴᠢᠬᠤᠯᠠᠲᠠᠢ ᠪᠠᠢ᠌ᠵᠤ᠂ ᠰᠢᠯᠭ᠋ᠠᠨ ᠬᠢᠨᠠᠵᠤ ᠦᠨᠡᠯᠡᠯᠲᠡ ᠬᠢᠬᠦ ᠰᠢᠰᠲᠸᠮᠵᠢ ᠵᠢ ᠤᠯᠠᠮ ᠨᠢᠭᠡ ᠠᠯᠬᠤᠮ ᠪᠦᠷᠢᠨᠰᠢᠭᠦᠯᠬᠦ ᠴᠢᠬᠤᠯᠠᠲᠠᠢ ᠪᠠᠢ᠌ᠨ᠎ᠠ; ᠳᠥᠷᠪᠡ᠎ᠳᠤ ᠭᠤᠶᠤᠴᠢᠯᠠᠯ ᠶᠣᠰᠣᠭ᠋ᠠᠷ ᠢᠯᠡ ᠪᠣᠯᠭ᠋ᠠᠬᠤ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠴᠢᠬᠤᠯᠠᠲᠠᠶ ᠪᠠᠢ᠌ᠨ᠎ᠠ᠃
ᠳᠠᠷᠠᠭ᠋ᠠᠴᠢ ᠵᠢᠨ ᠠᠯᠬᠤᠮ᠎ᠳᠤ᠂ ᠮᠠᠨ᠎ᠤ ᠬᠣᠲᠠ ᠭᠣᠣᠯᠳᠠᠯᠭ᠎ᠠ᠎ᠲᠠᠢ ᠬᠦᠷᠢᠶᠡᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠴᠢᠩᠭ᠋ᠠᠳᠬᠠᠬᠤ᠂ ᠭᠤᠶᠤᠴᠢᠯᠠᠯ ᠶᠣᠰᠣᠭ᠋ᠠᠷ ᠢᠯᠡ ᠪᠣᠯᠭ᠋ᠠᠬᠤ ᠵᠢ ᠰᠠᠶ᠋ᠢᠲᠤᠷ ᠬᠢᠬᠦ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠲᠠᠪᠴᠠᠩ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠴᠢ ᠳᠦᠷᠢᠮ᠎ᠤᠨ ᠪᠠᠶ᠋ᠢᠭᠤᠯᠤᠯᠲᠠ ᠪᠣᠯᠣᠨ ᠰᠠᠭᠤᠷᠢ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ ᠵᠡᠷᠭᠡ ᠲᠠᠯ᠎ᠠ᠎ᠠᠴᠠ ᠪᠦᠬᠦ ᠬᠣᠲᠠ ᠵᠢᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠳᠥᠯᠭᠢᠨ ᠠᠬᠢᠭᠤᠯᠵᠤ᠂ ᠳᠠᠬᠢᠨ ᠰᠢᠨ᠎ᠡ ᠳᠡᠭᠲᠡᠷ᠎ᠲᠤ ᠭᠠᠷᠭ᠋ᠠᠬᠤ ᠪᠣᠯᠣᠨ᠎ᠠ᠃
[ᠬᠥᠲᠥᠯᠥᠭᠴᠢ]᠄
ᠹᠧᠩ ᠡᠷᠬᠢᠯᠡᠭᠴᠢ ᠵᠢᠨ ᠲᠠᠨᠢᠯᠴᠠᠭᠤᠯᠭ᠎ᠠ᠎ᠪᠠᠷ ᠳᠠᠮᠵᠢᠭ᠋ᠠᠳ᠂ ᠪᠢᠳᠠ ᠤᠯᠠᠭ᠋ᠠᠨᠬᠠᠳᠠ ᠬᠣᠲᠠ ᠵᠢᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠳᠤ ᠪᠦᠬᠦ ᠲᠠᠯ᠎ᠠ ᠵᠢᠨ ᠣᠢ᠌ᠯᠠᠭ᠋ᠠᠯᠲᠠ᠎ᠲᠠᠢ ᠪᠣᠯᠵᠤ᠂ ᠪᠠᠰᠠ ᠤᠯᠠᠭ᠋ᠠᠨᠬᠠᠳᠠ ᠬᠣᠲᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠬᠢᠷᠢ ᠬᠡᠮᠵᠢᠶ᠎ᠡ ᠵᠢ ᠲᠠᠰᠤᠷᠠᠯᠲᠠ ᠦᠭᠡᠶ ᠳᠡᠭᠡᠭᠰᠢᠯᠡᠭᠦᠯᠬᠦ ᠵᠢᠨ ᠲᠣᠭᠤᠷᠢᠨ᠎ᠳᠤ᠂ ᠣᠯᠠᠨ ᠲᠦᠮᠡᠨ᠎ᠳᠤ ᠴᠠᠭ ᠲᠤᠬᠠᠶ᠎ᠳᠤᠨᠢ᠂ ᠳᠥᠭᠥᠮ ᠳᠦᠳᠡ᠂ ᠣᠨᠣᠪᠴᠢᠲᠠᠶ ᠦᠢ᠍ᠯᠡᠴᠢᠯᠡᠭᠡ ᠵᠢ ᠦᠨᠡᠨᠬᠦ ᠬᠠᠩᠭ᠋ᠠᠵᠤ᠂ ᠦᠨᠡᠨᠬᠦ ᠠᠷᠠᠳ᠎ᠲᠤ ᠳᠣᠲᠣᠨᠣ ᠪᠠᠢ᠌ᠬᠤ᠂ ᠠᠷᠠᠳ᠎ᠲᠤ ᠳᠥᠭᠥᠮ ᠦᠵᠡᠭᠦᠯᠬᠦ᠂ ᠠᠷᠠᠳ᠎ᠲᠤ ᠠᠰᠢᠭ ᠬᠦᠷᠲᠡᠭᠡᠭᠰᠡᠨᠢ ᠣᠯᠵᠣ ᠬᠠᠷᠠᠯ᠎ᠠ᠃ ᠹᠸᠩ ᠡᠷᠬᠢᠯᠡᠭᠴᠢ ᠵᠢᠨ ᠬᠠᠯᠠᠰᠢᠷᠠᠯ ᠦᠭᠡᠢ ᠲᠠᠢ᠌ᠯᠪᠤᠷᠢᠯᠠᠭᠰᠠᠨ᠎ᠳᠤ ᠲᠠᠯᠠᠷᠬᠠᠵᠤ ᠪᠠᠢ᠌ᠨ᠎ᠠ᠂ ᠮᠦᠨᠴᠦ ᠰᠦᠯᠵᠢᠶᠡᠨ ᠠᠨᠳᠠ ᠨᠠᠷ᠎ᠤᠨ ᠬᠦᠯᠢᠶᠡᠨ ᠠᠪᠴᠤ ᠦᠵᠡᠭᠰᠡᠨ᠎ᠳᠤ ᠲᠠᠯᠠᠷᠬᠠᠵᠤ ᠪᠠᠶ᠋ᠢᠨ᠎ᠠ᠃ ᠴᠠᠭ᠎ᠤᠨ ᠬᠠᠷᠠᠭ᠎ᠠ᠎ᠪᠠᠷ᠂ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠲᠡᠭᠦᠰᠦᠯ᠎ᠡ᠂ ᠳᠠᠷᠠᠭ᠋ᠠᠴᠢ ᠵᠢᠨ ᠫᠷᠦᠭᠷᠠᠮ᠎ᠳᠤ ᠪᠠᠶᠠᠷᠲᠠᠶ ᠵᠣᠯᠭ᠋ᠠᠶ᠎ᠠ!

ᠥᠪᠡᠷᠲᠡᠭᠡᠨ ᠵᠠᠰᠠᠬᠣ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠡᠯᠸᠺᠲᠷᠤᠨ ᠵᠠᠰᠠᠭ᠎ᠤᠨ ᠶᠠᠪᠤᠳᠠᠯ᠎ᠤᠨ ᠭᠠᠵᠠᠷ᠎ᠤᠨ ᠳᠠᠷᠤᠭ᠎ᠠ ᠡᠾᠸ ᠪᠢᠶᠤᠤ ᠡᠷᠬᠢᠮ ᠵᠣᠴᠢᠨ᠎ᠳᠤ ᠪᠠᠷ᠎ᠠ ᠪᠣᠯᠵᠤ ᠥᠪᠡᠷᠲᠡᠭᠡᠨ ᠵᠠᠰᠠᠬᠣ ᠣᠷᠣᠨ᠎ᠤ ᠫᠤᠷᠲᠸᠯ ᠰᠦᠯᠵᠢᠶ᠎ᠡ ᠵᠢ ᠲᠣᠭᠤᠷᠢᠨ ᠦᠵᠡᠵᠦ ᠪᠠᠢ᠌ᠭ᠎ᠠ᠎ᠨᠢ

ᠤᠯᠠᠭ᠋ᠠᠨᠬᠠᠳᠠ ᠬᠣᠲᠠ ᠵᠢᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠡᠷᠬᠢᠯᠡᠭᠴᠢ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠲᠥᠪ᠎ᠤᠨ ᠡᠷᠬᠢᠯᠡᠭᠴᠢ ᠹᠸᠩ ᠯᠢ ᠰᠠᠨ 《ᠳᠤᠮᠳᠠᠳᠤ ᠤᠯᠤᠰ ᠥᠪᠥᠷ ᠮᠣᠩᠭᠤᠯ》 ᠰᠦᠯᠵᠢᠶ᠎ᠡ᠎ᠳᠤ ᠰᠠᠭ᠋ᠠᠳᠠᠵᠤ ᠪᠠᠢ᠌ᠭ᠎ᠠ᠎ᠨᠢ