ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠲᠦᠷᠦ ᠲᠠᠷᠬᠠᠭ᠋ᠠᠭᠰᠠᠨ 28 ᠳ᠋ᠤᠭ᠋ᠠᠷ ᠳᠤᠭ᠋ᠠᠳᠤ ᠪᠢᠴᠢᠭ ᠮᠠᠲᠸᠷᠢᠶᠠᠯ᠎ᠢ ᠬᠢᠨᠠᠮᠠᠭ᠋ᠠᠢ ᠲᠤᠤᠱᠯᠠᠭᠣᠯᠣᠨ ᠨᠠᠢ᠌ᠳᠠᠪᠤᠷᠢᠵᠢᠭᠤᠯᠵᠦ ᠵᠡᠭᠦᠨ ᠭᠡᠰᠡᠭ᠎ᠤᠨ ᠠᠢ᠌ᠮᠠᠭ ᠬᠤᠳᠠ ᠵᠢᠨ ᠬᠦᠭᠵᠢᠨ ᠮᠠᠨᠳᠤᠬᠤ ᠵᠢ ᠲᠦᠷᠭᠡᠳᠭᠡᠨ ᠠᠬᠢᠭᠤᠯᠤᠶ᠎ᠠ
ᠨᠡᠶ᠋ᠢᠲᠡᠯᠡᠭᠰᠡᠨ ᠴᠠᠭ᠄ 2015-09-18

      ᠰᠤᠷᠪᠤᠯᠵᠢᠯᠠᠭᠰᠠᠨ ᠴᠠᠭ᠄
     2015 ᠤᠨ᠎ᠤ 8 ᠳ᠋ᠤᠭ᠋ᠠᠷ ᠰᠠᠷ᠎ᠠ ᠵᠢᠨ 28᠎ᠤ ᠡᠳᠤᠷ᠎ᠤᠨ 15 ᠴᠠᠭ
      ᠰᠤᠷᠪᠤᠯᠵᠢᠯᠠᠭᠰᠠᠨ ᠵᠣᠴᠢᠨ᠄
      ᠦᠪᠡᠷᠳᠡᠭᠡᠨ ᠵᠠᠰᠠᠬᠤ ᠤᠷᠤᠨ᠎ᠤ   ᠬᠦᠭᠵᠢᠬᠦᠯᠦᠯᠳᠡ ᠪᠤᠯᠤᠨ ᠦᠬᠡᠷᠡᠴᠢᠯᠡᠯᠳᠡ ᠵᠢᠨ ᠵᠦᠪᠯᠡᠯ᠎ᠤᠨ ᠳᠡᠳ᠋ ᠡᠷᠬᠢᠯᠡᠭᠴᠢ     ᠸᠸᠨ ᠮᠢᠨ



     2014 ᠤᠨ᠎ᠤ 8 ᠳ᠋ᠤᠭ᠋ᠠᠷ ᠰᠠᠷ᠎ᠠ᠎ᠳᠤ ᠲᠦᠷᠦ ᠵᠢᠨ ᠶᠠᠪᠤᠳᠠᠯ᠎ᠤᠨ ᠬᠤᠷᠢᠶ᠎ᠠ᠎ᠠᠴᠠ 《ᠤᠢ᠌ᠷ᠎ᠠ ᠵᠢᠨ ᠬᠤᠭᠤᠴᠠᠭ᠋ᠠᠨ᠎ᠳᠤ ᠵᠡᠬᠦᠨ ᠬᠤᠢ᠌ᠳᠤ ᠤᠷᠤᠨ᠎ᠢ ᠳᠡᠮᠵᠢᠨ ᠬᠦᠭᠵᠢᠬᠦᠯᠬᠦ ᠴᠢᠬᠤᠯᠠ ᠶᠡᠬᠡ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠰᠠᠨᠠᠯ》 (ᠲᠦᠷᠦ ᠲᠠᠷᠬᠠᠭ᠋ᠠᠭᠰᠠᠨ [2014] 28 ᠳ᠋ᠤᠭ᠋ᠠᠷ ᠳᠤᠭ᠋ᠠᠳᠤ᠂ ᠳᠤᠷᠤᠭᠰᠢ 28 ᠳ᠋ᠤᠭ᠋ᠠᠷ ᠳᠤᠭ᠋ᠠᠳᠤ ᠪᠢᠴᠢᠭ ᠮᠠᠲᠸᠷᠢᠶᠠᠯ ᠬᠡᠵᠦ ᠲᠦᠬᠦᠮᠴᠢᠯᠡᠨ᠎ᠡ)᠎ᠢ ᠨᠡᠢ᠌ᠳᠡᠯᠡᠵᠦ᠂ ᠵᠡᠬᠦᠨ ᠬᠤᠢ᠌ᠳᠤ ᠤᠷᠤᠨ᠎ᠤ ᠠᠵᠦ ᠠᠬᠤᠢ ᠵᠢᠨ ᠨᠡᠮᠡᠭᠳᠡᠯ᠎ᠤᠨ ᠬᠤᠷᠳᠤᠴᠠ ᠢᠯᠠᠳᠳᠠ ᠪᠠᠭᠤᠷᠠᠵᠦ ᠪᠠᠢ᠌ᠭ᠎ᠠ ᠠᠰᠢᠭ ᠦᠬᠡᠢ ᠪᠠᠢ᠌ᠳᠠᠯ᠎ᠢ ᠬᠦᠴᠦ ᠲᠠᠯᠪᠢᠨ ᠡᠷᠬᠢᠬᠦᠯᠵᠦ᠂ ᠬᠦᠭᠵᠢᠯᠳᠡ ᠵᠢᠨ ᠬᠦᠴᠢᠷ ᠰᠡᠳᠤᠪ᠎ᠢ ᠰᠢᠪᠳᠤᠯᠤᠨ ᠰᠢᠢ᠍ᠳᠪᠤᠷᠢᠯᠡᠵᠦ᠂   ᠵᠡᠭᠦᠨ ᠬᠤᠢ᠌ᠳᠤ ᠤᠷᠤᠨ᠎ᠤ ᠠᠵᠦ ᠠᠬᠤᠢ ᠵᠢᠨ ᠴᠢᠨᠠᠷ᠎ᠢ ᠳᠡᠭᠡᠭᠰᠢᠯᠡᠭᠦᠯᠦᠨ ᠠᠰᠢᠭ᠎ᠢ ᠨᠡᠮᠡᠭᠳᠡᠭᠦᠯᠦᠨ ᠲᠡᠰ᠎ᠢ ᠦᠰᠭᠡᠬᠦ ᠵᠢ ᠠᠬᠢᠭᠤᠯᠬᠤ᠎ᠪᠠᠷ ᠪᠤᠯᠪᠠ᠃ ᠮᠠᠨ᠎ᠤ ᠤᠷᠤᠨ ᠲᠦᠷᠦ ᠲᠠᠷᠬᠠᠭ᠋ᠠᠭᠰᠠᠨ 28 ᠳ᠋ᠤᠭ᠋ᠠᠷ ᠳᠤᠭ᠋ᠠᠳᠤ ᠪᠢᠴᠢᠭ ᠮᠠᠲᠸᠷᠢᠶᠠᠯ᠎ᠤᠨ ᠵᠤᠷᠢᠭ ᠰᠠᠨᠠᠭ᠎ᠠ ᠵᠢ ᠬᠢᠷᠬᠢᠨ ᠲᠤᠤᠱᠯᠠᠭᠣᠯᠣᠨ ᠨᠠᠢ᠌ᠳᠠᠪᠤᠷᠢᠵᠢᠭᠤᠯᠬᠤ ᠵᠢ ᠨᠠᠷᠢᠨ ᠤᠢ᠌ᠯᠠᠭ᠋ᠠᠬᠤ ᠵᠢᠨ ᠲᠤᠰᠠᠳᠠ᠂ ᠪᠢᠳᠡ ᠦᠪᠡᠷᠳᠡᠭᠡᠨ ᠵᠠᠰᠠᠬᠤ ᠤᠷᠤᠨ᠎ᠤ ᠬᠦᠭᠵᠢᠬᠦᠯᠦᠯᠳᠡ ᠪᠤᠯᠤᠨ ᠦᠬᠡᠷᠡᠴᠢᠯᠡᠯᠳᠡ ᠵᠢᠨ ᠵᠦᠪᠯᠡᠯ᠎ᠤᠨ ᠳᠡᠳ᠋ ᠡᠷᠬᠢᠯᠡᠭᠴᠢ ᠸᠸᠨ ᠮᠢᠨ᠎ᠢ 《ᠳᠤᠮᠳᠠᠳᠤ ᠤᠯᠤᠰ   ᠦᠪᠤᠷ ᠮᠤᠩᠭᠤᠯ》 ᠰᠦᠯᠵᠢᠶᠡᠨ᠎ᠳᠤ ᠤᠷᠢᠨ ᠵᠠᠯᠠᠵᠦ᠂ ᠰᠦᠯᠵᠢᠶᠡᠨ ᠠᠨᠳᠠ ᠨᠠᠷ᠎ᠲᠠᠢ ᠵᠤᠭᠤᠭᠳᠠᠭᠤᠯᠬᠤ᠎ᠪᠠᠷ ᠪᠤᠯᠪᠠ᠂ ᠲᠤᠬᠠᠢ ᠵᠢᠨ ᠴᠠᠭ᠎ᠲᠤ ᠰᠦᠯᠵᠢᠶᠡᠨ ᠠᠨᠳᠠ ᠨᠠᠷ ᠢᠳᠡᠪᠬᠢᠲᠡᠢ ᠤᠷᠤᠯᠴᠠᠬᠤ ᠪᠤᠯᠪᠠᠤ!


      ᠰᠤᠷᠪᠤᠯᠵᠢᠯᠠᠨ ᠶᠠᠷᠢᠯᠴᠠᠭᠰᠠᠨ ᠲᠣᠪᠴᠢ᠄
      ᠬᠦᠳᠤᠯᠦᠭᠴᠢ᠄ ᠰᠦᠯᠵᠢᠶᠡᠨ ᠠᠨᠳᠠ ᠨᠠᠷ ᠰᠠᠢ᠌ᠨ ᠪᠠᠢ᠌ᠴᠠᠭ᠋ᠠᠨᠠᠤ? ᠲᠠ ᠪᠦᠬᠦᠨ 《ᠳᠤᠮᠳᠠᠳᠤ ᠤᠯᠤᠰ     ᠦᠪᠤᠷ ᠮᠤᠩᠭᠤᠯ》 ᠰᠦᠯᠵᠢᠶᠡᠨ᠎ᠤ ᠰᠤᠷᠪᠤᠯᠵᠢᠯᠠᠭ᠎ᠠ ᠶᠠᠷᠢᠯᠴᠠᠭ᠎ᠠ ᠵᠢᠨ ᠪᠤᠯᠤᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠳᠤᠵᠦ ᠪᠠᠢ᠌ᠨ᠎ᠠ᠃ ᠦᠨᠦᠳᠤᠷ ᠪᠢᠳᠡᠨ᠎ᠤ ᠤᠷᠢᠨ ᠵᠠᠯᠠᠭᠰᠠᠨ ᠵᠤᠴᠢᠨ ᠪᠤᠯ ᠦᠪᠡᠷᠳᠡᠭᠡᠨ ᠵᠠᠰᠠᠬᠤ ᠤᠷᠤᠨ᠎ᠤ ᠬᠦᠭᠵᠢᠬᠦᠯᠦᠯᠳᠡ ᠪᠤᠯᠤᠨ ᠦᠬᠡᠷᠡᠴᠢᠯᠡᠯᠳᠡ ᠵᠢᠨ ᠵᠦᠪᠯᠡᠯ᠎ᠤᠨ ᠳᠡᠳ᠋ ᠡᠷᠬᠢᠯᠡᠭᠴᠢ ᠸᠸᠨ ᠮᠢᠨ ᠪᠤᠯᠤᠨ᠎ᠠ᠂ ᠳᠡᠷᠡ ᠤᠳᠤ 《ᠲᠦᠷᠦ ᠲᠠᠷᠬᠠᠭ᠋ᠠᠭᠰᠠᠨ 28 ᠳ᠋ᠤᠭ᠋ᠠᠷ ᠳᠤᠭ᠋ᠠᠳᠤ ᠪᠢᠴᠢᠭ ᠮᠠᠲᠸᠷᠢᠶᠠᠯ᠎ᠢ ᠬᠢᠨᠠᠮᠠᠭ᠋ᠠᠢ ᠲᠤᠤᠱᠯᠠᠭᠣᠯᠣᠨ ᠨᠠᠢ᠌ᠳᠠᠪᠤᠷᠢᠵᠢᠭᠤᠯᠵᠦ   ᠵᠡᠬᠦᠨ ᠭᠡᠰᠡᠭ᠎ᠤᠨ ᠠᠢ᠌ᠮᠠᠭ ᠬᠤᠳᠠ ᠵᠢᠨ ᠬᠦᠭᠵᠢᠨ ᠮᠠᠨᠳᠤᠬᠤ ᠵᠢ ᠲᠦᠷᠭᠡᠳᠭᠡᠨ ᠠᠬᠢᠭᠤᠯᠤᠶ᠎ᠠ》 ᠬᠡᠰᠡᠨ ᠭᠤᠤᠯ ᠰᠡᠳᠤᠪ ᠵᠶ᠋ᠡᠷ ᠤᠯᠠᠨ᠎ᠲᠠᠢ ᠵᠤᠭᠤᠭᠳᠠᠬᠤ ᠪᠤᠯᠤᠨ᠎ᠠ᠂ ᠲᠠ ᠪᠦᠬᠦᠨ ᠫᠷᠦᠭᠷᠡᠮ᠎ᠳᠤ ᠢᠳᠡᠪᠬᠢᠲᠡᠢ ᠤᠷᠤᠯᠴᠠᠬᠤ ᠵᠢ ᠪᠠᠶᠠᠷᠯᠠᠨ ᠤᠭᠳᠤᠵᠦ ᠪᠠᠢ᠌ᠨ᠎ᠠ᠃ ᠸᠸᠨ ᠡᠷᠬᠢᠯᠡᠭᠴᠢ ᠡ᠂ ᠲᠠᠨ᠎ᠢ ᠪᠠᠶᠠᠷᠯᠠᠨ ᠤᠭᠳᠤᠵᠦ ᠪᠠᠢ᠌ᠨ᠎ᠠ!
      ᠸᠸᠨ ᠮᠢᠨ᠄ ᠬᠦᠳᠤᠯᠦᠭᠴᠢ ᠰᠠᠢ᠌ᠨ ᠤᠤ? ᠰᠦᠯᠵᠢᠶᠡᠨ ᠠᠨᠳᠠ ᠨᠠᠷ ᠰᠠᠢ᠌ᠨ ᠪᠠᠢ᠌ᠴᠠᠭ᠋ᠠᠨᠠᠤ?
      ᠬᠦᠳᠦᠯᠦᠭᠴᠢ᠄ ᠸᠸᠨ ᠡᠷᠬᠢᠯᠡᠭᠴᠢ ᠡ᠂ ᠲᠠ ᠶᠠᠭᠤᠨ᠎ᠤ ᠤᠷᠢᠳᠠ ᠲ᠋ᠦᠷᠦ ᠲᠠᠷᠬᠠᠭ᠋ᠠᠭᠰᠠᠨ 28 ᠳ᠋ᠤᠭ᠋ᠠᠷ ᠳᠤᠭ᠋ᠠᠳᠤ ᠪᠢᠴᠢᠭ ᠮᠠᠲᠸᠷᠢᠶᠠᠯ᠎ᠨᠢ ᠶᠠᠮᠠᠷ ᠶᠠᠮᠠᠷ ᠭᠤᠤᠯ ᠤᠨᠴᠠᠯᠢᠭ᠎ᠲᠠᠢ ᠪᠠᠢ᠌ᠬᠤ ᠵᠢ ᠲᠠᠢ᠌ᠯᠪᠤᠷᠢᠯᠠᠭ᠋ᠠᠳ ᠦᠭᠬᠦᠨᠡᠤ?
      ᠸᠸᠨ ᠮᠢᠨ᠄ ᠨᠢᠭᠡ᠎ᠳᠤ ᠴᠢᠬᠤᠯᠠ ᠶᠡᠭᠡ ᠲᠦᠷᠦ ᠵᠢᠨ ᠪᠤᠳᠤᠯᠭ᠎ᠠ᠎ᠳᠤ ᠴᠢᠭᠯᠡᠭᠦᠯᠵᠦ᠂ ᠲᠦᠷᠦ ᠵᠢᠨ ᠪᠤᠳᠤᠯᠭ᠎ᠠ ᠵᠢᠨ ᠦᠨ᠎ᠡ ᠴᠠᠨ᠎ᠠ ᠵᠢ ᠦᠨᠳᠤᠷᠵᠢᠬᠦᠯᠵᠦ᠂ 28 ᠳ᠋ᠤᠭ᠋ᠠᠷ ᠲᠤᠭ᠋ᠠᠳᠤ ᠪᠢᠴᠢᠭ ᠮᠠᠲᠸᠷᠢᠶᠠᠯ᠎ᠳᠤ ᠪᠤᠳᠠᠲᠠᠢ ᠳᠡᠮᠵᠢᠯᠭᠡ ᠦᠵᠡᠬᠦᠯᠬᠦ ᠨᠡᠢ᠌ᠳᠡ140 ᠭᠠᠷᠤᠢ ᠲᠦᠷᠦ ᠵᠢᠨ ᠪᠤᠳᠤᠯᠭ᠎ᠠ ᠵᠢ ᠪᠠᠭᠳᠠᠭ᠋ᠠᠭᠰᠠᠨ ᠪᠠᠢ᠌ᠨ᠎ᠠ᠃ ᠬᠤᠶᠠᠷ᠎ᠲᠤ ᠦᠬᠡᠷᠡᠴᠢᠯᠡᠯᠳᠡ ᠵᠢ ᠪᠦᠬᠦ ᠲᠠᠯ᠎ᠠ᠎ᠪᠠᠷ ᠬᠦᠨᠵᠡᠭᠡᠢ᠌ᠷᠡᠬᠦᠯᠬᠦ ᠲᠠᠯ᠎ᠠ᠎ᠪᠠᠷ ᠠᠷᠭ᠎ᠠ ᠤᠬᠠᠭ᠋ᠠᠨ ᠭᠠᠷᠭ᠋ᠠᠵᠦ᠂ ᠵᠡᠬᠦᠨ ᠬᠤᠢ᠌ᠳᠤ   ᠤᠷᠤᠨ᠎ᠤ ᠵᠠᠰᠠᠭ᠎ᠢ ᠴᠤᠮᠬᠠᠳᠬᠠᠨ ᠡᠷᠬᠡ ᠵᠢ ᠲᠤᠷᠤᠭᠰᠢ ᠪᠠᠭᠤᠯᠭ᠋ᠠᠬᠤ᠂ ᠤᠯᠤᠰ᠎ᠤᠨ ᠦᠮᠴᠢᠯᠡᠯ᠎ᠤᠨ ᠠᠵᠦ ᠠᠬᠤᠢ᠌ᠯᠠᠯ᠎ᠤᠨ ᠦᠬᠡᠷᠡᠴᠢᠯᠡᠯᠳᠡ᠂ ᠨᠡᠢ᠌ᠳᠡ ᠵᠢᠨ ᠦᠮᠴᠢᠯᠡᠯ᠎ᠤᠨ ᠪᠤᠰᠤ ᠠᠵᠦ ᠠᠬᠤᠢ᠌ᠯᠠᠯ᠎ᠤᠨ ᠬᠦᠭᠵᠢᠯᠳᠡ ᠵᠢ ᠳᠡᠮᠵᠢᠬᠦ᠂ ᠬᠦᠳᠡᠭᠡ ᠠᠵᠦ ᠠᠬᠤᠢ ᠵᠢᠨ ᠦᠬᠡᠷᠡᠴᠢᠯᠡᠯᠳᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠦᠬᠡᠷᠡᠴᠢᠯᠡᠯᠳᠡ᠂ ᠡᠬᠢ ᠪᠠᠶᠠᠯᠢᠭ᠎ᠤᠨ ᠬᠡᠯᠪᠡᠷᠢᠳᠤ ᠬᠤᠳᠠ ᠵᠢᠨ ᠦᠬᠡᠷᠡᠴᠢᠯᠡᠯᠳᠡ ᠵᠢ ᠠᠬᠢᠭᠤᠯᠬᠤ ᠵᠡᠷᠭᠡ ᠲᠠᠯ᠎ᠠ᠎ᠪᠠᠷ ᠴᠦᠮ ᠪᠦᠳᠤᠮᠵᠢᠲᠠᠢ ᠰᠡᠳᠬᠢᠬᠦᠢ ᠪᠤᠯᠤᠨ ᠠᠷᠭ᠎ᠠ ᠵᠢ ᠲᠤᠷᠠᠳᠴᠠᠢ᠃ ᠭᠤᠷᠪᠠ᠎ᠳᠤ ᠪᠡᠯᠡ ᠤᠷᠤᠭᠤᠯᠤᠯᠳᠠ ᠵᠢᠨ ᠵᠠᠩᠬᠢᠯᠠᠭ᠎ᠠ ᠵᠢᠨ ᠴᠢᠨᠠᠷᠲᠠᠢ ᠦᠢ᠍ᠯᠡᠳᠤᠯ᠎ᠢ ᠬᠦᠢ᠍ᠴᠡᠳ ᠪᠠᠳᠠᠷᠠᠭᠤᠯᠵᠦ᠂ ᠪᠡᠯᠡ ᠤᠷᠤᠭᠤᠯᠤᠯᠳᠠ ᠵᠢᠨ ᠪᠦᠳᠤᠴᠡ ᠵᠢ ᠰᠢᠯᠢᠳᠡᠭᠵᠢᠬᠦᠯᠵᠦ᠂ ᠪᠡᠯᠡ ᠮᠦᠩᠬᠦᠨ᠎ᠤ ᠤᠷᠤᠭᠤᠯᠤᠯᠳᠠ ᠵᠢᠨ ᠬᠠᠨᠳᠤᠰᠢ ᠵᠢ ᠴᠢᠬᠤᠯᠠᠴᠢᠯᠠᠵᠦ᠂ ᠤᠯᠠᠨ ᠨᠡᠢ᠌ᠳᠡ ᠵᠢᠨ ᠰᠠᠭᠤᠷᠢ ᠪᠡᠯᠡᠳᠭᠡᠮᠵᠢ ᠪᠤᠯᠤᠨ ᠲᠤᠮᠤ ᠴᠢᠬᠤᠯᠠ ᠰᠠᠭᠤᠷᠢ ᠴᠢᠨᠠᠷᠲᠠᠢ ᠪᠠᠢ᠌ᠯᠳᠤᠬᠤ ᠪᠤᠳᠤᠯᠭ᠎ᠠ ᠵᠢᠨ ᠴᠢᠨᠠᠷᠲᠠᠢ ᠲᠦᠷᠦᠯ ᠵᠦᠢ᠍ᠯ᠎ᠢ ᠲᠦᠪᠯᠡᠷᠡᠬᠦᠯᠦᠨ ᠳᠡᠮᠵᠢᠬᠦ   ᠪᠤᠯᠭ᠋ᠠᠵᠠᠢ᠃
      ᠬᠦᠳᠦᠯᠦᠭᠴᠢ᠄ ᠲᠦᠷᠦ ᠲᠠᠷᠬᠠᠭ᠋ᠠᠭᠰᠠᠨ 28 ᠳ᠋ᠤᠭ᠋ᠠᠷ ᠳᠤᠭ᠋ᠠᠳᠤ ᠪᠢᠴᠢᠭ ᠮᠠᠲᠸᠷᠢᠶᠠᠯ᠎ᠳᠤ ᠶᠠᠮᠠᠷ ᠶᠠᠮᠠᠷ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ᠎ᠨᠦᠭᠦᠳ ᠪᠠᠢ᠌ᠬᠤ ᠪᠤᠢ?
      ᠸᠸᠨ ᠮᠢᠨ  ᠄   ᠲᠦᠷᠦ ᠲᠠᠷᠬᠠᠭ᠋ᠠᠭᠰᠠᠨ 28 ᠳ᠋ᠤᠭ᠋ᠠᠷ ᠳᠤᠭ᠋ᠠᠳᠤ ᠪᠢᠴᠢᠭ ᠮᠠᠲᠸᠷᠢᠶᠠᠯ᠎ᠨᠢ ᠤᠢ᠌ᠷ᠎ᠠ ᠵᠢᠨ ᠬᠤᠭᠤᠴᠠᠭ᠋ᠠᠨ᠎ᠳᠤ ᠵᠡᠬᠦᠨ ᠬᠤᠢ᠌ᠳᠤ ᠤᠷᠤᠨ᠎ᠢ ᠳᠡᠮᠵᠢᠬᠦ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ   ᠪᠤᠯᠤᠨ ᠴᠢᠬᠤᠯᠠ ᠲᠤᠮᠤ ᠢᠨᠵᠸᠨ᠋ᠸᠷᠢᠩ᠎ᠤᠨ ᠲᠦᠷᠦᠯ ᠵᠦᠢ᠍ᠯ᠎ᠳᠤ ᠴᠢᠭᠯᠡᠬᠦᠯᠦᠨ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠦᠴᠤ ᠲᠠᠯᠪᠢᠨ ᠬᠦᠭᠵᠢᠭᠡᠬᠦ᠂ ᠤᠯᠤᠰ᠎ᠤᠨ ᠦᠮᠴᠢᠯᠡᠯ᠎ᠤᠨ ᠠᠵᠦ ᠠᠬᠤᠢ᠌ᠯᠠᠯ᠎ᠤᠨ ᠦᠬᠡᠷᠡᠴᠢᠯᠡᠯᠳᠡ ᠵᠢ ᠬᠦᠨᠵᠡᠭᠡᠢ᠌ᠷᠡᠬᠦᠯᠬᠦ᠂   ᠰᠢᠨ᠎ᠡ ᠵᠢ ᠡᠭᠦᠳᠬᠦ᠎ᠪᠠᠷ ᠬᠦᠭᠵᠢᠯᠳᠡ ᠵᠢᠨ ᠬᠦᠳᠡᠯᠬᠡᠬᠦᠷ ᠪᠤᠯᠭ᠋ᠠᠬᠤ᠂ ᠠᠵᠦ ᠦᠢ᠍ᠯᠡᠰ᠎ᠤᠨ ᠦᠷᠢᠰᠤᠯᠳᠤᠭᠡᠨ᠎ᠤ ᠴᠢᠳᠠᠪᠤᠷᠢ ᠵᠢ ᠪᠦᠬᠦ ᠲᠠᠯ᠎ᠠ᠎ᠪᠠᠷ ᠲᠡᠰ ᠳᠡᠪᠰᠢᠬᠦᠯᠬᠦ᠂ ᠬᠦᠳᠡᠭᠡ ᠠᠵᠦ ᠠᠬᠤᠢ ᠵᠢᠨ ᠦᠷᠭᠦᠯᠵᠢᠳᠡ ᠬᠦᠭᠵᠢᠬᠦ ᠴᠢᠳᠠᠪᠤᠷᠢ ᠵᠢ ᠨᠡᠮᠡᠭᠳᠡᠭᠦᠯᠬᠦ᠂ ᠬᠤᠳᠠ ᠵᠢᠨ ᠬᠡᠯᠪᠡᠷᠢ ᠵᠢ ᠬᠤᠪᠢᠷᠠᠭᠤᠯᠤᠨ ᠬᠦᠭᠵᠢᠬᠦᠯᠬᠦ ᠵᠢ ᠠᠬᠢᠭᠤᠯᠬᠤ᠂ ᠲᠤᠮᠤ ᠴᠢᠬᠤᠯᠠ ᠰᠠᠭᠤᠷᠢ ᠪᠡᠯᠡᠳᠭᠡᠮᠵᠢ ᠵᠢᠨ ᠪᠦᠳᠤᠭᠡᠨ ᠪᠠᠢ᠌ᠭᠤᠯᠤᠯᠳᠠ ᠵᠢ ᠲᠦᠷᠭᠡᠨ ᠠᠬᠢᠭᠤᠯᠬᠤ᠂ ᠠᠷᠠᠳ᠎ᠤᠨ ᠠᠮᠢᠳᠤᠷᠠᠯ᠎ᠢ ᠦᠨᠡᠨᠬᠦ ᠪᠠᠳᠤᠯᠠᠨ ᠰᠠᠢ᠌ᠵᠢᠷᠠᠭᠤᠯᠬᠤ᠂ ᠠᠮᠢ ᠠᠬᠤᠢ ᠵᠢᠨ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢ ᠴᠢᠩᠭ᠋ᠠᠳᠬᠠᠬᠤ᠂ ᠴᠢᠯᠤᠭᠡᠲᠠᠢ ᠶᠠᠪᠤᠯᠴᠠᠬᠤ ᠪᠠ ᠬᠤᠷᠰᠢᠯᠴᠠᠬᠤ ᠵᠢ ᠪᠦᠬᠦ ᠲᠠᠯ᠎ᠠ᠎ᠪᠠᠷ ᠦᠷᠭᠡᠳᠬᠡᠬᠦ᠂ ᠲᠦᠷᠦ ᠵᠢᠨ ᠪᠤᠳᠤᠯᠭ᠎ᠠ ᠵᠢᠨ ᠲᠠᠯ᠎ᠠ᠎ᠪᠠᠷ ᠪᠠᠳᠤᠯᠠᠬᠤ ᠪᠠ ᠵᠤᠬᠢᠶᠠᠨ ᠪᠠᠢ᠌ᠭᠤᠯᠤᠨ ᠬᠡᠷᠡᠭᠵᠢᠬᠦᠯᠬᠦ   ᠵᠢ ᠴᠢᠩᠭ᠋ᠠᠷᠠᠭᠤᠯᠬᠤ ᠵᠡᠷᠭᠡ11 ᠲᠠᠯ᠎ᠠ ᠵᠢᠨ35 ᠵᠦᠢ᠍ᠯ᠎ᠤᠨ ᠲᠦᠷᠦ ᠵᠢᠨ ᠪᠤᠳᠤᠯᠭ᠎ᠠ ᠵᠢᠨ ᠠᠷᠭ᠎ᠠ   ᠭᠡᠮᠵᠢᠶ᠎ᠡ ᠵᠢ ᠲᠤᠷᠠᠳᠤᠭᠰᠠᠨ ᠪᠠᠢ᠌ᠨ᠎ᠠ᠃ ᠡᠭᠦᠨ᠎ᠠᠴᠠ ᠭᠠᠳᠠᠨ᠎ᠠ᠂ ᠵᠡᠬᠦᠨ ᠬᠤᠢ᠌ᠳᠤ ᠤᠷᠤᠨ᠎ᠤ ᠲᠤᠮᠤ ᠴᠢᠬᠤᠯᠠ ᠲᠦᠷᠦᠯ ᠵᠦᠢ᠍ᠯ᠎ᠤᠨ ᠪᠦᠳᠤᠭᠡᠨ ᠪᠠᠢ᠌ᠭᠤᠯᠤᠯᠳᠠ ᠵᠢ ᠤᠯᠠᠮ ᠲᠦᠷᠭᠡᠳᠬᠡᠬᠦ ᠵᠢᠨ ᠲᠤᠰᠠᠳᠠ᠂ ᠤᠯᠤᠰ᠎ᠤᠨ ᠬᠦᠭᠵᠢᠬᠦᠯᠦᠯᠳᠡ ᠪᠤᠯᠤᠨ ᠦᠬᠡᠷᠡᠴᠢᠯᠡᠯᠳᠡ ᠵᠢᠨ ᠵᠦᠪᠯᠡᠯ ᠲᠦᠷᠦ ᠲᠠᠷᠬᠠᠭ᠋ᠠᠭᠰᠠᠨ 28 ᠳ᠋ᠤᠭ᠋ᠠᠷ ᠳᠤᠭ᠋ᠠᠳᠤ ᠪᠢᠴᠢᠭ ᠮᠠᠲᠸᠷᠢᠶᠠᠯ᠎ᠲᠠᠢ ᠢᠵᠢ ᠪᠦᠷᠢᠳᠤᠭᠦᠯᠦᠨ ᠵᠡᠭᠦᠨ ᠬᠤᠢ᠌ᠳᠤ ᠤᠷᠤᠨ᠎ᠳᠤ ᠪᠠᠢ᠌ᠭᠤᠯᠵᠦ ᠪᠠᠢ᠌ᠭ᠎ᠠ ᠪᠠ ᠪᠠᠢ᠌ᠭᠤᠯᠬᠤ ᠬᠡᠵᠦ ᠪᠠᠢ᠌ᠭ᠎ᠠ ᠲᠤᠮᠤ ᠴᠢᠬᠤᠯᠠ ᠲᠦᠷᠦᠯ ᠵᠦᠢ᠍ᠯ᠎ᠤᠨ ᠬᠦᠰᠦᠨᠦᠭᠳᠤ ᠵᠢ ᠨᠡᠢ᠌ᠳᠡᠯᠡᠵᠦ᠂ ᠮᠠᠨ᠎ᠤ ᠤᠷᠤᠨ᠎ᠤ ᠵᠡᠭᠦᠨ ᠬᠡᠰᠡᠭ᠎ᠤᠨ ᠠᠢ᠌ᠮᠠᠭ ᠬᠤᠳᠠ ᠵᠢᠨ29 ᠭᠤᠤᠯᠳᠠᠯᠭ᠎ᠠ᠎ᠲᠠᠢ ᠲᠦᠷᠦᠯ ᠵᠦᠢ᠍ᠯ ᠲᠡᠭᠦᠨ᠎ᠳᠤ ᠵᠢᠭᠰᠠᠭ᠋ᠠᠭᠳᠠᠭᠰᠠᠨ ᠪᠠᠢ᠌ᠨ᠎ᠠ᠃
      ᠬᠦᠳᠤᠯᠦᠭᠴᠢ᠄ ᠦᠪᠡᠷᠳᠡᠭᠡᠨ ᠵᠠᠰᠠᠬᠤ ᠤᠷᠤᠨ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠲᠦᠷᠦ ᠲᠠᠷᠬᠠᠭ᠋ᠠᠭᠰᠠᠨ 28 ᠳ᠋ᠤᠭ᠋ᠠᠷ ᠳᠤᠭ᠋ᠠᠳᠤ ᠪᠢᠴᠢᠭ ᠮᠠᠲᠸᠷᠢᠶᠠᠯ᠎ᠢ ᠲᠤᠤᠱᠯᠠᠭᠤᠯᠤᠨ ᠨᠠᠢ᠌ᠳᠠᠪᠤᠷᠢᠵᠢᠭᠤᠯᠵᠦ ᠪᠠᠢ᠌ᠭ᠎ᠠ ᠪᠤᠢ?
      ᠸᠸᠨ ᠮᠢᠨ᠄ ᠲᠦᠷᠦ ᠲᠠᠷᠬᠠᠭ᠋ᠠᠭᠰᠠᠨ 28 ᠳ᠋ᠤᠭ᠋ᠠᠷ ᠳᠤᠭ᠋ᠠᠳᠤ ᠪᠢᠴᠢᠭ ᠮᠠᠲᠸᠷᠢᠶᠠᠯ᠎ᠢ ᠳᠠᠷᠤᠮᠠᠯᠯᠠᠨ ᠲᠠᠷᠬᠠᠭ᠋ᠠᠭᠰᠠᠨ᠎ᠤ ᠲᠠᠷᠠᠭ᠎ᠠ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ ᠳᠡᠭᠡᠳᠤ ᠭᠡᠮᠵᠢᠶ᠎ᠡ᠎ᠪᠠᠷ ᠬᠦᠨᠳᠤᠳᠭᠡᠨ ᠦᠵᠡᠵᠦ᠂ ᠴᠠᠭ ᠳᠠᠷᠤᠢ᠎ᠳᠤᠨᠢ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ 《ᠤᠢ᠌ᠷ᠎ᠠ ᠵᠢᠨ ᠬᠤᠭᠤᠴᠠᠭ᠋ᠠᠨ᠎ᠳᠤ ᠵᠡᠬᠦᠨ ᠬᠤᠢ᠌ᠳᠤ ᠤᠷᠤᠨ᠎ᠢ ᠳᠡᠮᠵᠢᠨ ᠬᠦᠭᠵᠢᠬᠦᠯᠬᠦ ᠴᠢᠬᠤᠯᠠ ᠶᠡᠬᠡ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠠᠨᠠᠯ》᠎ᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠭᠤᠤᠯᠳᠠᠯᠭ᠎ᠠ᠎ᠲᠠᠢ ᠡᠭᠦᠷᠭᠡ ᠵᠢ ᠬᠤᠪᠢᠶᠠᠷᠢᠯᠠᠬᠤ ᠲᠦᠰᠦᠯ᠎ᠤᠨ ᠲᠤᠬᠠᠢ ᠮᠡᠳᠡᠭᠳᠡᠯ》 (ᠦᠪᠤᠷ ᠵᠠᠰᠠᠭ ᠦᠰᠦᠭ [2015] 246 ᠲᠤᠭ᠋ᠠᠳᠤ)᠎ᠢ ᠲᠤᠭᠳᠠᠭ᠋ᠠᠨ ᠲᠠᠷᠬᠠᠭ᠋ᠠᠵᠦ᠂ ᠵᠡᠭᠦᠨ ᠬᠡᠰᠡᠭ᠎ᠤᠨ ᠠᠢ᠌ᠮᠠᠭ ᠬᠤᠳᠠ᠂ ᠦᠪᠡᠷᠳᠡᠭᠡᠨ ᠵᠠᠰᠠᠬᠤ ᠤᠷᠤᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠳ᠎ᠤᠨ 28 ᠳ᠋ᠤᠭ᠋ᠠᠷ ᠲᠤᠭ᠋ᠠᠳᠤ ᠪᠢᠴᠢᠭ ᠮᠠᠲᠸᠷᠢᠶᠠᠯ᠎ᠢ ᠬᠦᠴᠤᠲᠠᠢ ᠠᠷᠭ᠎ᠠ ᠬᠡᠮᠵᠢᠶ᠎ᠡ ᠠᠪᠴᠤ ᠲᠤᠤᠱᠯᠠᠭᠤᠯᠤᠨ ᠨᠠᠢ᠌ᠳᠠᠪᠤᠷᠢᠵᠢᠭᠤᠯᠬᠤ ᠶᠠᠪᠤᠳᠠᠯ᠎ᠢ ᠬᠢᠨᠠᠮᠠᠭ᠋ᠠᠢ ᠲᠤᠬᠢᠷᠠᠭᠤᠯᠤᠨ ᠪᠠᠢ᠌ᠷᠢᠯᠠᠭᠤᠯᠪᠠ᠃
      ᠨᠢᠭᠡ᠎ᠳᠤ ᠪᠢᠴᠢᠭ ᠮᠠᠲᠸᠷᠢᠶᠠᠯ᠎ᠤᠨ ᠵᠤᠷᠢᠭ ᠰᠠᠨᠠᠭ᠎ᠠ ᠵᠢ ᠬᠢᠨᠠᠮᠠᠭ᠋ᠠᠢ ᠵᠤᠬᠢᠶᠠᠨ ᠪᠠᠢ᠌ᠭᠤᠯᠤᠨ ᠰᠤᠷᠤᠯᠴᠠᠪᠠ  ᠃ ᠤᠯᠤᠰ᠎ᠤᠨ ᠬᠦᠭᠵᠢᠬᠦᠯᠦᠯᠳᠡ ᠪᠤᠯᠤᠨ ᠦᠬᠡᠷᠡᠴᠢᠯᠡᠯᠳᠡ ᠵᠢᠨ ᠵᠦᠪᠯᠡᠯ᠎ᠤᠨ ᠬᠦᠭᠵᠢᠨ ᠮᠠᠨᠳᠤᠭᠤᠯᠬᠤ ᠵᠤᠷᠭ᠋ᠠᠨ᠎ᠤ ᠤᠳᠤᠷᠢᠳᠤᠯᠭ᠎ᠠ ᠵᠢ ᠤᠷᠢᠨ ᠵᠠᠯᠠᠵᠦ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ 46 ᠳ᠋ᠤᠭ᠋ᠠᠷ ᠬᠤᠭᠤᠴᠠᠭ᠋ᠠᠨ᠎ᠤ ᠤᠳᠤᠷᠢᠳᠬᠤ ᠺᠠᠳ᠋ᠷ᠎ᠤᠨ ᠬᠤᠤᠰ ᠠᠮᠠᠷᠠᠯᠳᠠ ᠵᠢᠨ ᠡᠳᠤᠷ᠎ᠤᠨ ᠲᠠᠢ᠌ᠯᠤᠮᠵᠢ ᠵᠢᠨ ᠬᠤᠷᠠᠯ ᠳᠡᠭᠡᠷ᠎ᠡ 28 ᠳ᠋ᠤᠭ᠋ᠠᠷ ᠲᠤᠭ᠋ᠠᠳᠤ ᠪᠢᠴᠢᠭ ᠮᠠᠲᠸᠷᠢᠶᠠᠯ᠎ᠤᠨ ᠴᠢᠬᠤᠯᠠ ᠵᠤᠷᠢᠭ ᠰᠠᠨᠠᠭ᠎ᠠ ᠵᠢ ᠲᠠᠢ᠌ᠯᠪᠤᠷᠢᠯᠠᠭᠤᠯᠪᠠ᠃
      ᠬᠤᠶᠠᠷ᠎ᠲᠤ ᠲᠤᠰᠬᠠᠢ ᠬᠤᠷᠠᠯ ᠬᠢᠵᠦ ᠲᠤᠤᠱᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠲᠤᠬᠢᠷᠠᠭᠤᠯᠤᠨ ᠪᠠᠢ᠌ᠷᠢᠯᠠᠭᠤᠯᠪᠠ᠃ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ ᠵᠡᠬᠦᠨ ᠬᠤᠢ᠌ᠳᠤ ᠤᠷᠤᠨ᠎ᠢ ᠬᠦᠭᠵᠢᠬᠦᠯᠦᠨ ᠮᠠᠨᠳᠤᠭᠤᠯᠬᠤ ᠵᠡᠷᠭᠡ ᠬᠠᠭᠤᠴᠢᠨ ᠠᠵᠦ ᠦᠢ᠍ᠯᠡᠳᠪᠤᠷᠢ ᠵᠢᠨ ᠰᠠᠭᠤᠷᠢᠨ ᠭᠠᠵᠠᠷ᠎ᠤᠨ ᠤᠳᠤᠷᠢᠳᠬᠤ ᠳᠤᠭᠤᠢ᠌ᠯᠠᠩ (ᠦᠷᠭᠡᠳᠭᠡᠭᠰᠡᠨ)᠎ᠤᠨ ᠬᠤᠷᠠᠯ ᠪᠠ ᠦᠪᠡᠷᠳᠡᠭᠡᠨ ᠵᠠᠰᠠᠬᠤ ᠤᠷᠤᠨ᠎ᠤ ᠲᠤᠮᠤ ᠴᠢᠬᠤᠯᠠ ᠲᠦᠷᠦᠯ ᠵᠦᠢ᠍ᠯ᠎ᠤᠨ ᠳᠤᠬᠢᠷᠠᠭᠤᠯᠭ᠎ᠠ ᠵᠢᠨ ᠬᠤᠷᠠᠯ᠎ᠢ ᠵᠤᠬᠢᠶᠠᠨ ᠪᠠᠢ᠌ᠭᠤᠯᠤᠨ ᠬᠤᠷᠠᠯᠳᠤᠭᠤᠯᠵᠦ᠂ 28 ᠳ᠋ᠤᠭ᠋ᠠᠷ ᠲᠤᠭ᠋ᠠᠳᠤ ᠪᠢᠴᠢᠭ ᠮᠠᠲᠸᠷᠢᠶᠠᠯ᠎ᠢ ᠬᠦᠨᠵᠡᠬᠡᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠪᠠ 29 ᠭᠤᠤᠯᠳᠠᠯᠭ᠎ᠠ᠎ᠲᠠᠢ ᠲᠦᠷᠦᠯ ᠵᠦᠢ᠍ᠯ  ᠎ᠢ ᠪᠦᠳᠤᠭᠡᠨ ᠪᠠᠢ᠌ᠭᠤᠯᠬᠤ   ᠲᠠᠷᠠᠭ᠎ᠠ ᠠᠯᠬᠤᠮ᠎ᠤᠨ ᠠᠵᠢᠯ᠎ᠢ ᠲᠤᠬᠢᠷᠠᠭᠤᠯᠤᠨ ᠪᠠᠢ᠌ᠷᠢᠯᠠᠭᠤᠯᠪᠠ᠃
      ᠭᠤᠷᠪᠠ᠎ᠳᠤ ᠲᠤᠤᠱᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠤᠨ ᠲᠤᠭᠳᠠᠴᠠ ᠵᠢ ᠪᠠᠢ᠌ᠭᠤᠯᠤᠨ ᠳᠡᠭᠦᠯᠳᠡᠷᠵᠢᠬᠦᠯᠪᠠ᠃ ᠵᠡᠬᠦᠨ ᠬᠡᠰᠡᠭ᠎ᠤᠨ ᠡᠯ᠎ᠡ ᠠᠢ᠌ᠮᠠᠭ ᠬᠤᠳᠠ᠂ ᠦᠪᠡᠷᠳᠡᠭᠡᠨ ᠵᠠᠰᠠᠬᠤ ᠤᠷᠤᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠳ 28 ᠳ᠋ᠤᠭ᠋ᠠᠷ ᠪᠢᠴᠢᠭ ᠮᠠᠲᠸᠷᠢᠶᠠᠯ᠎ᠤᠨ ᠭᠤᠤᠯᠳᠠᠯᠭ᠎ᠠ᠎ᠲᠠᠢ ᠡᠭᠦᠷᠭᠡ ᠵᠢᠨ ᠡᠬᠡ ᠳᠠᠩᠰᠠ ᠵᠢ ᠲᠤᠰ ᠲᠤᠰ ᠲᠤᠭᠳᠠᠭ᠋ᠠᠵᠦ᠂ ᠴᠠᠭ᠎ᠤᠨ ᠬᠦᠰᠦᠨᠦᠭᠳᠤ ᠪᠤᠯᠤᠨ ᠱᠤᠭᠤᠮ᠎ᠤᠨ ᠵᠢᠷᠤᠭ᠎ᠢ ᠳᠤᠳᠤᠷᠬᠠᠢ᠌ᠯᠠᠵᠠᠢ᠃
      ᠲᠦᠷᠪᠠ᠎ᠳᠤ ᠲᠤᠤᠱᠯᠠᠭᠤᠯᠤᠨ ᠨᠠᠢ᠌ᠳᠠᠪᠤᠷᠢᠵᠢᠭᠤᠯᠵᠦ ᠪᠠᠢ᠌ᠭ᠎ᠠ ᠪᠠᠢ᠌ᠳᠠᠯ᠎ᠢ ᠲᠤᠰᠬᠠᠢ ᠰᠢᠮᠳᠠᠭᠤᠯᠤᠨ ᠪᠠᠢ᠌ᠴᠠᠭ᠋ᠠᠪᠠ᠃ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠰᠢᠮᠳᠠᠭᠤᠯᠤᠨ ᠪᠠᠢ᠌ᠴᠠᠭ᠋ᠠᠬᠤ ᠲᠤᠭᠤᠢ᠌ᠯᠠᠩ ᠵᠡᠬᠦᠨ ᠬᠡᠰᠡᠭ᠎ᠤᠨ ᠡᠯ᠎ᠡ ᠠᠢ᠌ᠮᠠᠭ ᠬᠤᠳᠠ᠎ᠳᠤ ᠬᠦᠷᠴᠤ 28 ᠳ᠋ᠤᠭ᠋ᠠᠷ ᠲᠤᠭ᠋ᠠᠳᠤ ᠪᠢᠴᠢᠭ ᠮᠠᠲᠸᠷᠢᠶᠠᠯ᠎ᠢ   ᠲᠤᠤᠱᠯᠠᠭᠤᠯᠤᠨ ᠨᠠᠢ᠌ᠳᠠᠪᠤᠷᠢᠵᠢᠭᠤᠯᠵᠦ ᠪᠠᠢ᠌ᠭ᠎ᠠ ᠠᠬᠢᠴᠠ ᠵᠢᠨ ᠪᠠᠢ᠌ᠳᠠᠯ᠂ ᠤᠷᠤᠰᠢᠵᠦ ᠪᠠᠢ᠌ᠭ᠎ᠠ ᠠᠰᠠᠭᠤᠳᠠᠯ ᠵᠢᠴᠢ ᠲᠠᠷᠠᠭ᠎ᠠ ᠠᠯᠬᠤᠮ᠎ᠳᠠᠬᠢ ᠰᠠᠨᠠᠭᠤᠯᠭ᠎ᠠ ᠵᠡᠷᠭᠡ ᠪᠠᠢ᠌ᠳᠠᠯ᠎ᠢ ᠲᠤᠰᠬᠠᠢ ᠪᠠᠢ᠌ᠴᠠᠭ᠋ᠠᠨ ᠰᠤᠳᠤᠯᠪᠠ᠂ ᠦᠪᠡᠷᠳᠡᠭᠡᠨ ᠵᠠᠰᠠᠬᠤ ᠤᠷᠤᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠳ᠎ᠤᠨ ᠲᠤᠤᠱᠯᠠᠭᠤᠯᠤᠨ ᠨᠠᠢ᠌ᠳᠠᠪᠤᠷᠢᠵᠢᠭᠤᠯᠵᠦ ᠪᠠᠢ᠌ᠭ᠎ᠠ ᠪᠠᠢ᠌ᠳᠠᠯ᠎ᠢ ᠪᠢᠴᠢᠭ ᠵᠶ᠋ᠡᠷ ᠰᠢᠮᠳᠠᠭᠤᠯᠤᠨ ᠪᠠᠢ᠌ᠴᠠᠭ᠋ᠠᠪᠠ᠃
      ᠬᠦᠳᠤᠯᠦᠭᠴᠢ᠄ 28 ᠳ᠋ᠤᠭ᠋ᠠᠷ ᠪᠢᠴᠢᠭ ᠮᠠᠲᠸᠷᠢᠶᠠᠯ᠎ᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠲᠠᠯ᠎ᠠ᠎ᠪᠠᠷ ᠦᠪᠡᠷᠳᠡᠭᠡᠨ ᠵᠠᠰᠠᠬᠤ ᠤᠷᠤᠨ᠎ᠤ ᠠᠬᠢᠴᠠ ᠵᠢᠨ ᠪᠠᠢ᠌ᠳᠠᠯ ᠶᠠᠮᠠᠷ ᠪᠠᠢ᠌ᠭ᠎ᠠ ᠪᠤᠢ?
      ᠸᠸᠨ ᠮᠢᠨ᠄ ᠤᠳᠤ ᠪᠤᠯᠳᠠᠯ᠎ᠠ᠂ 28 ᠳ᠋ᠤᠭ᠋ᠠᠷ ᠲᠤᠭ᠋ᠠᠳᠤ ᠪᠢᠴᠢᠭ ᠮᠠᠲᠸᠷᠢᠶᠠᠯ᠎ᠳᠤ   ᠮᠠᠨ᠎ᠤ ᠤᠷᠤᠨ᠎ᠳᠤ ᠬᠤᠯᠪᠤᠭᠳᠠᠭᠰᠠᠨ ᠭᠤᠤᠯᠳᠠᠯᠭ᠎ᠠ᠎ᠲᠠᠢ ᠡᠭᠦᠷᠭᠡ ᠪᠤᠯᠤᠨ ᠲᠤᠮᠤ ᠴᠢᠬᠤᠯᠠ ᠲᠦᠷᠦᠯ ᠵᠦᠢ᠍ᠯ᠎ᠤᠨ ᠪᠦᠳᠤᠭᠡᠨ ᠪᠠᠢ᠌ᠭᠤᠯᠤᠯᠳᠠ ᠢᠳᠡᠪᠬᠢᠲᠠᠢ ᠠᠬᠢᠵᠦ ᠪᠠᠢ᠌ᠨ᠎ᠠ᠃ ᠲᠦᠷᠦ ᠵᠢᠨ ᠪᠤᠳᠤᠯᠭ᠎ᠠ ᠵᠢᠨ ᠡᠭᠦᠷᠭᠡ ᠵᠢᠨ ᠨᠠᠢ᠌ᠳᠠᠪᠤᠷᠢᠵᠢᠭᠤᠯᠤᠯᠳᠠ ᠵᠢᠨ ᠲᠠᠯ᠎ᠠ᠎ᠪᠠᠷ᠄
      ᠨᠢᠭᠡ᠎ᠳᠤ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠤᠨ᠎ᠢ ᠤᠯᠠᠮ ᠢᠯᠡᠭᠦᠤ ᠬᠦᠭᠵᠢᠭᠡᠪᠡ᠃ ᠦᠪᠡᠷᠳᠡᠭᠡᠨ ᠵᠠᠰᠠᠬᠤ ᠤᠷᠤᠨ᠂ ᠠᠢ᠌ᠮᠠᠭ ᠬᠤᠳᠠ᠂ ᠬᠤᠰᠢᠭᠤ ᠰᠢᠶᠠᠨ ᠭᠤᠷᠪᠠᠨ ᠱᠠᠳᠤᠨ᠎ᠤ ᠡᠷᠭᠡ ᠵᠢᠨ ᠨᠠᠷᠢᠨ ᠳᠠᠩᠰᠠ ᠵᠢ ᠨᠡᠢ᠌ᠳᠡᠯᠡᠵᠦ᠂ ᠭᠤᠷᠪᠠᠨ ᠱᠠᠳᠤ᠎ᠪᠠᠷ ᠵᠶ᠋ᠡᠨ ᠬᠤᠯᠪᠤᠭ᠋ᠠᠯᠠᠨ ᠬᠦᠳᠡᠯᠦᠯᠴᠡᠬᠦ᠂ ᠡᠷᠬᠡ ᠬᠠᠷᠢᠭᠤᠴᠠᠯᠭ᠎ᠠ ᠢᠯᠡ ᠲᠤᠳᠤᠷᠬᠠᠢ ᠪᠠᠢ᠌ᠬᠤ᠂ ᠪᠦᠬᠦ ᠤᠷᠤᠨ᠎ᠢ ᠪᠦᠷᠭᠦᠭᠰᠡᠨ ᠵᠠᠰᠠᠭ᠎ᠤᠨ ᠤᠷᠳᠤᠨ᠎ᠤ ᠡᠷᠬᠡ ᠵᠢᠨ ᠨᠠᠷᠢᠨ ᠳᠠᠩᠰᠠ ᠵᠢᠨ ᠰᠢᠰᠲᠸᠮᠵᠢ ᠵᠢ ᠠᠩᠬ᠎ᠠ ᠠᠯᠬᠤᠮ ᠪᠦᠷᠢᠳᠤᠭᠦᠯᠪᠠ᠃ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠵᠡᠬᠦᠨ ᠬᠡᠰᠡᠭ᠎ᠤᠨ ᠠᠢ᠌ᠮᠠᠭ ᠬᠤᠳᠠ ᠵᠢᠨ ᠬᠢᠯᠢ ᠵᠢᠨ ᠭᠠᠳᠠᠨ᠎ᠠ ᠨᠡᠢ᠌ᠯᠡᠬᠦᠯᠦᠨ ᠬᠤᠳᠠᠯᠳᠤᠨ ᠠᠪᠬᠤ ᠭᠠᠳᠠᠭ᠋ᠠᠳᠤ ᠭᠤᠪᠢᠭᠤᠯᠭ᠎ᠠ ᠵᠢᠨ ᠬᠠᠮᠢᠶᠠᠷᠤᠯᠳᠠ ᠵᠢᠨ ᠲᠤᠷᠰᠢᠯᠳᠠ ᠵᠢᠨ ᠠᠵᠢᠯᠯᠠᠬᠤ ᠲᠦᠰᠦᠯ》᠎ᠢ ᠲᠤᠭᠳᠠᠭ᠋ᠠᠪᠠ᠃ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ 《ᠤᠯᠠᠨ ᠨᠡᠢ᠌ᠳᠡ ᠵᠢᠨ ᠦᠢ᠍ᠯᠡᠴᠢᠯᠡᠭᠡᠨ᠎ᠤ ᠬᠦᠷᠢᠶᠡᠨ᠎ᠳᠤ ᠵᠠᠰᠠᠭ᠎ᠤᠨ ᠤᠷᠳᠤᠨ ᠪᠤᠯᠤᠨ ᠨᠡᠢ᠌ᠭᠡᠮ᠎ᠤᠨ ᠬᠦᠷᠦᠩᠬᠡ ᠵᠢᠨ ᠬᠤᠷᠰᠢᠯᠴᠠᠭ᠎ᠠ ᠵᠢᠨ ᠵᠠᠭᠪᠤᠷᠰᠢᠯ᠎ᠢ ᠳᠡᠯᠭᠡᠷᠡᠬᠦᠯᠬᠦ ᠲᠤᠬᠠᠢ ᠬᠡᠷᠡᠭᠵᠢᠬᠦᠯᠬᠦ ᠰᠠᠨᠠᠯ》᠎ᠢ ᠲᠠᠷᠤᠮᠠᠯᠯᠠᠨ ᠲᠠᠷᠬᠠᠭ᠋ᠠᠵᠦ᠂PPP ᠲᠦᠷᠦᠯ ᠵᠦᠢ᠍ᠯ᠎ᠤᠨ ᠪᠡᠯᠡ ᠮᠦᠩᠬᠦ᠂ ᠮᠦᠩᠬᠦᠨ ᠬᠦᠢ᠍ᠯᠬᠡᠬᠡ᠂ ᠭᠠᠢ᠌ᠯᠢ ᠵᠢᠨ ᠵᠠᠷᠤᠳᠠᠯ᠂ ᠭᠠᠵᠠᠷ ᠬᠡᠷᠡᠭᠯᠡᠯᠳᠡ ᠵᠡᠷᠬᠡ ᠲᠠᠯ᠎ᠠ ᠵᠢᠨ ᠳᠡᠮᠵᠢᠯᠭᠡ ᠵᠢᠨ ᠲᠦᠷᠦ ᠵᠢᠨ ᠪᠤᠳᠤᠯᠭ᠎ᠠ ᠵᠢ ᠲᠤᠷᠠᠳᠤᠨ ᠭᠠᠷᠭ᠋ᠠᠪᠠ᠃ ᠵᠠᠰᠠᠭ᠎ᠤᠨ ᠤᠷᠳᠤᠨ ᠪᠤᠯᠤᠨ ᠨᠡᠢ᠌ᠭᠡᠮ᠎ᠤᠨ ᠬᠦᠷᠦᠩᠬᠡ ᠵᠢᠨ ᠬᠤᠷᠰᠢᠯᠴᠠᠭ᠎ᠠ ᠵᠢᠨ ᠵᠠᠭᠪᠤᠷᠰᠢᠯ᠎ᠢ ᠶᠡᠬᠡ᠎ᠪᠠᠷ ᠳᠡᠯᠭᠡᠷᠡᠬᠦᠯᠵᠦ᠂ ᠦᠪᠡᠷᠳᠡᠭᠡᠨ ᠵᠠᠰᠠᠬᠤ ᠤᠷᠤᠨ᠎ᠤ PPP ᠲᠦᠷᠦᠯ ᠵᠦᠢ᠍ᠯ᠎ᠤᠨ ᠬᠦᠮᠦᠷᠭᠡ ᠵᠢ ᠳᠡᠭᠦᠯᠳᠡᠷᠵᠢᠬᠦᠯᠵᠦ᠂ ᠪᠦᠬᠦ ᠤᠷᠤᠨ᠎ᠳᠤ ᠬᠦᠮᠦᠷᠬᠡᠯᠡᠬᠦ ᠲᠦᠷᠦᠯ ᠵᠦᠢ᠍ᠯ 201 ᠪᠠᠢ᠌ᠵᠦ᠂ 2278 ᠳ᠋ᠦᠩᠰᠢᠭᠤᠷ ᠲᠦᠬᠦᠷᠢᠭ᠎ᠤᠨ ᠶᠡᠷᠦᠩᠬᠡᠢ ᠪᠡᠯᠡ ᠤᠷᠤᠭᠤᠯᠬᠤ᠎ᠪᠠᠷ ᠲᠦᠯᠦᠪᠯᠡᠵᠦ ᠪᠤᠢ᠃
      ᠬᠤᠶᠠᠷ᠎ᠲᠤ ᠰᠢᠨ᠎ᠡ ᠵᠢ ᠡᠭᠦᠳᠬᠦ᠎ᠪᠠᠷ ᠬᠦᠭᠵᠢᠯᠳᠡ ᠵᠢᠨ ᠬᠦᠳᠡᠯᠭᠡᠬᠦᠷ   ᠪᠤᠯᠭ᠋ᠠᠪᠠ᠃ ᠤᠳᠤᠬᠠᠨ᠎ᠳᠤ᠂ ᠦᠪᠡᠷᠳᠡᠭᠡᠨ ᠵᠡᠰᠠᠬᠤ ᠤᠷᠤᠨ ᠠᠮᠢᠳᠤ ᠪᠤᠳᠠᠰ᠂ ᠰᠢᠨ᠎ᠡ ᠡᠳ᠋ ᠮᠠᠲᠸᠷᠢᠶᠠᠯ᠂ ᠡᠨ᠋ᠸᠷᠬᠢ ᠠᠷᠪᠢᠯᠠᠯᠳᠠ ᠤᠷᠴᠢᠨ ᠲᠤᠭᠤᠷᠢᠨ᠎ᠤ ᠬᠠᠮᠠᠭ᠋ᠠᠯᠠᠯᠳᠠ᠂ ᠡᠯᠸᠺᠲᠷᠤᠨ ᠮᠡᠳᠡᠬᠡ ᠵᠠᠩᠬᠢ᠂ ᠳᠡᠭᠡᠳᠤ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ ᠵᠡᠷᠭᠡ ᠪᠠᠢ᠌ᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠬᠤ ᠠᠵᠦ ᠦᠢ᠍ᠯᠡᠰ᠎ᠤᠨ ᠬᠦᠷᠢᠶᠡᠨ᠎ᠤ ᠬᠦᠭᠵᠢᠯᠳᠡ ᠵᠢᠨ ᠲᠦᠯᠦᠪᠵᠢᠬᠦᠯᠬᠡ ᠵᠢ ᠶᠠᠭ ᠰᠤᠳᠤᠯᠤᠨ ᠲᠤᠭᠳᠠᠭ᠋ᠠᠵᠦ᠂ ᠵᠡᠬᠦᠨ ᠬᠡᠰᠡᠭ᠎ᠤᠨ ᠠᠢ᠌ᠮᠠᠭ ᠬᠤᠳᠠ ᠵᠢᠨ ᠪᠠᠢ᠌ᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠬᠤ ᠠᠵᠦ ᠦᠢ᠍ᠯᠠᠰ᠎ᠤᠨ ᠴᠢᠳᠠᠮᠵᠢ ᠵᠢᠨ ᠤᠷᠤᠨ ᠪᠠᠢ᠌ᠷᠢ᠂ ᠠᠵᠦ ᠦᠢ᠍ᠯᠠᠰ᠎ᠤᠨ ᠪᠠᠢ᠌ᠷᠢᠰᠢᠭᠤᠯᠤᠯᠳᠠ ᠪᠤᠯᠤᠨ ᠭᠤᠤᠯ ᠡᠭᠦᠷᠭᠡ ᠵᠢ ᠤᠯᠠᠮ ᠨᠢᠬᠡ ᠠᠯᠬᠤᠮ ᠳᠤᠳᠤᠷᠬᠠᠢ᠌ᠯᠠᠪᠠ᠃
      ᠭᠤᠷᠪᠠ᠎ᠳᠤ ᠬᠤᠳᠠ ᠵᠢᠨ ᠬᠡᠯᠪᠡᠷᠢ᠎ᠪᠠᠨ ᠬᠤᠪᠢᠷᠠᠭᠤᠯᠤᠨ ᠬᠦᠭᠵᠢᠬᠦᠯᠬᠦ   ᠵᠢ ᠲᠦᠷᠭᠡᠨ ᠠᠬᠢᠭᠤᠯᠪᠠ᠃ ᠵᠡᠬᠦᠨ ᠬᠡᠰᠡᠭ᠎ᠤᠨ ᠠᠢ᠌ᠮᠠᠭ ᠬᠤᠳᠠ ᠵᠢᠨ ᠬᠤᠳᠠ ᠪᠠᠯᠭ᠋ᠠᠰᠤᠨ᠎ᠤ ᠰᠠᠭᠤᠷᠢ ᠪᠡᠯᠡᠳᠬᠡᠮᠵᠢ ᠵᠢᠨ ᠪᠦᠳᠤᠭᠡᠨ ᠪᠠᠢ᠌ᠭᠤᠯᠤᠯᠳᠠ ᠲᠦᠷᠭᠡᠨ ᠠᠬᠢᠵᠦ᠂2015 ᠤᠨ᠎ᠳᠤ ᠦᠪᠡᠷᠳᠡᠭᠡᠨ ᠵᠠᠰᠠᠬᠤ ᠤᠷᠤᠨ  ᠎ᠤ ᠲᠤᠰ ᠱᠠᠳᠤ 5 ᠳ᠋ᠦᠩᠰᠢᠭᠤᠷ ᠲᠦᠬᠦᠷᠢᠭ᠎ᠤᠨ ᠲᠤᠰᠬᠠᠢ ᠪᠠᠯᠡ ᠮᠦᠩᠬᠦ ᠲᠤᠬᠢᠷᠠᠭᠤᠯᠵᠦ᠂ ᠰᠢᠨ᠎ᠡ ᠬᠡᠯᠪᠡᠷᠢ ᠵᠢᠨ ᠬᠤᠳᠠ   ᠪᠠᠯᠭ᠋ᠠᠰᠤᠵᠢᠯᠳᠠ ᠵᠢᠴᠢ ᠬᠤᠳᠠ ᠬᠦᠳᠡᠭᠡ ᠵᠢᠨ ᠤᠯᠠᠨ ᠨᠡᠢ᠌ᠳᠡ ᠵᠢᠨ ᠪᠡᠯᠡᠳᠭᠡᠮᠵᠢ ᠵᠢᠨ ᠪᠦᠳᠤᠭᠡᠨ ᠪᠠᠢ᠌ᠭᠤᠯᠤᠯᠳᠠ ᠵᠢ ᠳᠡᠮᠵᠢᠪᠠ᠃ ᠤᠳᠤ ᠪᠤᠯᠬᠤ᠎ᠳᠤ ᠮᠠᠨ᠎ᠤ ᠤᠷᠤᠨ ᠪᠡᠶ᠎ᠡ᠎ᠪᠠᠨ ᠲᠠᠭ᠋ᠠᠭ᠋ᠠᠭᠰᠠᠨ ᠦᠢ᠍ᠯᠡᠳᠪᠤᠷᠢ ᠠᠭᠤᠷᠬᠠᠢ ᠵᠢᠨ ᠤᠷᠤᠨ ᠪᠤᠯᠤᠨ ᠬᠤᠳᠠ ᠲᠤᠭᠤᠷᠢᠭ᠎ᠤᠨ ᠬᠠᠭᠤᠴᠢᠨ ᠠᠵᠦ ᠦᠢ᠍ᠯᠡᠳᠪᠤᠷᠢ ᠵᠢᠨ ᠲᠤᠭᠤᠷᠢᠭ᠎ᠢ ᠨᠡᠭᠦᠯᠬᠡᠨ ᠦᠬᠡᠷᠡᠴᠢᠯᠡᠬᠦ ᠲᠤᠰᠬᠠᠢ ᠲᠦᠷᠦᠯ ᠵᠦᠢ᠍ᠯ᠎ᠳᠤ ᠲᠦᠪ᠎ᠤᠨ ᠲᠦᠰᠦᠪ᠎ᠤᠨ ᠳᠤᠳᠤᠷᠠᠬᠢ ᠪᠡᠯᠡ ᠤᠷᠤᠭᠤᠯᠤᠯᠳᠠ ᠵᠢᠨ ᠨᠦᠬᠦᠪᠤᠷᠢ ᠪᠡᠯᠡ ᠮᠦᠩᠬᠦ ᠵᠢ ᠨᠡᠢ᠌ᠳᠡ57315 ᠲᠦᠮᠡᠨ ᠲᠦᠬᠦᠷᠢᠭ ᠪᠤᠯᠤᠨ25884 ᠲᠦᠮᠡᠨ ᠲᠦᠬᠦᠷᠢᠭ ᠤᠯᠪᠠ᠃
      ᠲᠦᠷᠪᠠ᠎ᠳᠤ ᠠᠷᠠᠳ᠎ᠤᠨ ᠠᠮᠢᠳᠤᠷᠠᠯ᠎ᠢ ᠪᠠᠳᠤᠯᠠᠨ ᠰᠠᠢ᠌ᠵᠢᠷᠠᠭᠤᠯᠬᠤ ᠡᠷᠴᠢᠮ᠎ᠢ ᠴᠢᠩᠭ᠋ᠠᠯᠠᠪᠠ᠃ ᠵᠡᠭᠦᠨ ᠬᠡᠰᠡᠭ᠎ᠤᠨ ᠠᠢ᠌ᠮᠠᠭ ᠬᠤᠳᠠ ᠵᠢᠨ 《ᠠᠷᠪᠠ᠎ᠪᠠᠷ ᠪᠦᠬᠦᠨ᠎ᠢ ᠬᠠᠮᠤᠷᠬᠤ》 ᠢᠨᠵᠸᠨ᠋ᠸᠷᠢᠩ ᠲᠦᠷᠭᠡᠨ ᠠᠬᠢᠵᠦ᠂ ᠰᠠᠭᠤᠷᠢ ᠰᠤᠷᠭ᠋ᠠᠨ ᠬᠦᠮᠤᠵᠢᠯ᠂ ᠰᠤᠶᠤᠯ ᠬᠡᠬᠡᠷᠡᠯ ᠵᠢᠴᠢ ᠨᠡᠢ᠌ᠭᠡᠮ᠎ᠤᠨ ᠦᠢ᠍ᠯᠡᠴᠢᠯᠡᠭᠡ ᠵᠡᠷᠭᠡ ᠤᠯᠠᠨ ᠨᠡᠢ᠌ᠳᠡ ᠵᠢᠨ ᠲᠦᠷᠦᠯ ᠵᠦᠢ᠍ᠯ᠎ᠤᠨ ᠪᠦᠳᠤᠭᠡᠨ ᠪᠠᠢ᠌ᠭᠤᠯᠤᠯᠳᠠ ᠳᠠᠰᠤᠷᠠᠯᠳᠠ ᠦᠬᠡᠢ ᠴᠢᠩᠭ᠋ᠠᠳᠴᠤ᠂ ᠶᠠᠭ ᠠᠵᠢᠯ ᠣᠯᠭᠣᠯᠲᠠ ᠦᠬᠡᠢ ᠭᠡᠷ ᠪᠦᠯᠢ᠎ᠳᠤ ᠠᠯᠢ ᠴᠦᠬᠡᠨ᠎ᠳᠡᠭᠡᠨ ᠨᠢᠭᠡ ᠬᠦᠮᠤᠨ᠎ᠳᠤ ᠠᠵᠢᠯ ᠤᠯᠭᠤᠪᠠ᠃ 2015 ᠤᠨ᠎ᠳᠤ᠂ ᠵᠡᠬᠦᠨ ᠬᠡᠰᠡᠭ᠎ᠤᠨ ᠠᠢ᠌ᠮᠠᠭ ᠬᠤᠳᠠ ᠵᠢᠨ ᠪᠠᠳᠤᠯᠠᠭ᠎ᠠ ᠵᠢᠨ ᠴᠢᠨᠠᠷᠲᠠᠢ ᠬᠢᠮᠳᠠ ᠤᠷᠤᠨ ᠰᠠᠭᠤᠴᠠ ᠵᠢᠨ ᠪᠠᠷᠢᠯᠭ᠎ᠠ ᠵᠢᠨ ᠪᠦᠳᠤᠭᠡᠨ ᠪᠠᠢ᠌ᠭᠤᠯᠤᠯᠳᠠ ᠵᠢᠨ ᠡᠭᠦᠷᠭᠡ12.51 ᠲᠦᠮᠡᠨ ᠢᠵᠢ ᠪᠠᠢ᠌ᠵᠦ᠂7.8 ᠲᠦᠮᠡᠨ ᠢᠵᠢ ᠵᠢ᠎ᠨᠢ ᠦᠨᠳᠤᠰᠤᠨ᠎ᠳᠡᠭᠡᠨ ᠪᠠᠢ᠌ᠭᠤᠯᠪᠠ᠃
      ᠲᠠᠪᠤ᠎ᠳᠤ ᠠᠮᠢ ᠠᠬᠤᠢ ᠵᠢᠨ ᠬᠠᠮᠠᠭ᠋ᠠᠯᠠᠯᠳᠠ ᠵᠢᠨ ᠪᠦᠳᠤᠭᠡᠨ ᠪᠠᠢ᠌ᠭᠤᠯᠤᠯᠳᠠ ᠵᠢ ᠤᠯᠠᠮ ᠴᠢᠩᠭ᠋ᠠᠳᠬᠠᠪᠠ᠃ ᠠᠮᠢ ᠠᠬᠤᠢ ᠵᠢᠨ ᠪᠤᠯᠪᠠᠰᠤᠨ᠎ᠤ ᠪᠦᠳᠤᠭᠡᠨ ᠪᠠᠢ᠌ᠭᠤᠯᠤᠯᠳᠠ ᠵᠢ ᠲᠦᠷᠭᠡᠨ ᠠᠬᠢᠭᠤᠯᠬᠤ ᠲᠤᠬᠠᠢ ᠦᠪᠡᠷᠳᠡᠭᠡᠨ ᠵᠠᠰᠠᠬᠤ ᠤᠷᠤᠨ᠎ᠤ ᠬᠡᠷᠭᠵᠢᠬᠦᠯᠬᠦ ᠲᠦᠰᠦᠯ᠎ᠢ ᠶᠠᠭ ᠰᠤᠳᠤᠯᠤᠨ ᠨᠠᠢ᠌ᠷᠠᠭᠤᠯᠵᠦ ᠪᠤᠢ᠃ ᠪᠦᠬᠦ ᠤᠷᠤᠨ᠎ᠤ ᠠᠭᠤᠷᠬᠠᠢ ᠭᠠᠵᠠᠷ ᠰᠢᠨᠵᠢᠯᠡᠭᠡᠨ᠎ᠤ ᠤᠷᠴᠢᠨ ᠳᠤᠭᠤᠷᠢᠨ᠎ᠤ ᠬᠠᠮᠠᠭ᠋ᠠᠯᠠᠯᠳᠠ ᠬᠢᠭᠡᠳ ᠵᠠᠰᠠᠯᠳᠠ ᠵᠢᠨ ᠲᠦᠯᠦᠪᠵᠢᠬᠦᠯᠬᠡ ᠵᠢ ᠲᠤᠭᠳᠠᠭ᠋ᠠᠭ᠋ᠠᠳ᠂ ᠠᠭᠤᠷᠬᠠᠢ ᠭᠠᠵᠠᠷ ᠰᠢᠨᠵᠢᠯᠡᠭᠡᠨ᠎ᠤ ᠤᠷᠴᠢᠨ ᠳᠤᠭᠤᠷᠢᠨ᠎ᠢ ᠵᠠᠰᠠᠬᠤ ᠪᠠ ᠠᠮᠢ ᠠᠬᠤᠢ ᠵᠢ ᠰᠡᠷᠬᠦᠬᠡᠬᠦ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠪᠠ᠃
      ᠵᠢᠷᠭᠤᠭ᠎ᠠ᠎ᠳᠤ ᠭᠤᠤᠯᠳᠠᠯᠭ᠎ᠠ᠎ᠲᠠᠢ ᠨᠡᠭᠡᠭᠡᠯᠳᠡ ᠵᠢᠨ ᠳᠠᠪᠴᠠᠩ᠎ᠤᠨ ᠪᠦᠳᠤᠭᠡᠨ ᠪᠠᠢ᠌ᠭᠤᠯᠤᠯᠳᠠ ᠵᠢ ᠲᠦᠷᠭᠡᠳᠭᠡᠪᠠ  ᠃ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ 《ᠦᠪᠤᠷ ᠮᠤᠩᠭᠤᠯ᠎ᠤᠨ ᠮᠤᠩᠭᠤᠯ ᠤᠯᠤᠰ᠎ᠯᠤᠭ᠎ᠠ ᠪᠦᠬᠦ ᠲᠠᠯ᠎ᠠ᠎ᠪᠠᠷ ᠬᠤᠷᠰᠢᠯᠴᠠᠬᠤ ᠵᠢ ᠬᠦᠨᠵᠡᠢ᠌ᠭᠡᠢ᠌ᠷᠡᠭᠦᠯᠬᠦ ᠲᠦᠯᠦᠪᠵᠢᠬᠦᠯᠭᠡ ᠵᠢᠨ ᠬᠦᠳᠤᠯᠪᠤᠷᠢ  》 ᠲᠠᠷᠤᠮᠠᠯᠯᠠᠨ ᠲᠠᠷᠬᠠᠭ᠋ᠠᠪᠠ᠃ ᠮᠠᠨᠵᠤᠤᠷ᠂ ᠡᠷᠢᠶᠡᠨ ᠬᠤᠳᠠ ᠵᠢᠨ ᠭᠤᠤᠯᠳᠠᠯᠭ᠎ᠠ᠎ᠲᠠᠢ ᠨᠡᠭᠡᠭᠡᠨ ᠬᠦᠭᠵᠢᠬᠦᠯᠬᠦ ᠲᠤᠷᠰᠢᠯᠳᠠ ᠵᠢᠨ ᠤᠷᠤᠨ᠎ᠤ ᠪᠦᠳᠤᠭᠡᠨ ᠪᠠᠢ᠌ᠭᠤᠯᠤᠯᠳᠠ ᠡᠮᠬᠢ ᠵᠢᠷᠤᠮ᠎ᠲᠠᠢ ᠠᠬᠢᠵᠦ᠂ ᠮᠠᠨᠵᠤᠤᠷ᠎ᠤᠨ ᠶᠡᠷᠦᠩᠬᠡᠢ᠌ᠯᠡᠭᠰᠡᠨ ᠭᠠᠢ᠌ᠯᠢ ᠪᠠᠳᠤᠯᠠᠬᠤ ᠤᠷᠤᠨ ᠪᠠᠢ᠌ᠭᠤᠯᠬᠤ ᠶᠠᠪᠤᠳᠠᠯ᠎ᠨᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠵᠦᠪᠰᠢᠶᠡᠷᠡᠯ᠎ᠢ ᠤᠯᠵᠦ᠂ 《ᠡᠷᠢᠶᠡᠨ ᠬᠤᠳᠠ ᠵᠢᠨ ᠭᠤᠤᠯᠳᠠᠯᠭ᠎ᠠ᠎ᠲᠠᠢ ᠨᠡᠭᠡᠭᠡᠨ ᠬᠦᠭᠵᠢᠬᠦᠯᠬᠦ ᠲᠤᠷᠰᠢᠳᠠ ᠵᠢᠨ ᠤᠷᠤᠨ᠎ᠤ ᠪᠦᠳᠤᠭᠡᠨ ᠪᠠᠢ᠌ᠭᠤᠯᠤᠯᠳᠠ ᠵᠢᠨ ᠶᠡᠷᠦᠩᠬᠡᠢ ᠲᠦᠯᠦᠪᠵᠢᠬᠦᠯᠬᠡ》 ᠵᠢ ᠶᠠᠭ ᠱᠠᠯᠠᠪᠳᠠᠨ ᠨᠠᠢ᠌ᠷᠠᠭᠤᠯᠵᠦ᠂ 《ᠬᠦᠯᠤᠨ ᠪᠤᠢ᠌ᠷ᠎ᠤᠨ ᠳᠤᠮᠳᠠᠳᠤ ᠤᠷᠤᠰ ᠮᠤᠩᠭᠤᠯ᠎ᠤᠨ ᠬᠤᠷᠰᠢᠯᠴᠠᠭ᠋ᠠᠨ᠎ᠤ ᠬᠤᠰᠢᠭᠤᠴᠢᠯᠠᠬᠤ ᠤᠷᠤᠨ  ᠎ᠤ ᠪᠦᠳᠤᠭᠡᠨ ᠪᠠᠢ᠌ᠭᠤᠯᠤᠯᠳᠠ ᠵᠢᠨ ᠲᠦᠯᠦᠪᠵᠢᠬᠦᠯᠭᠡ  》 ᠵᠢ ᠨᠢᠭᠡᠨᠳᠡ ᠲᠦᠷᠦ ᠵᠢᠨ ᠶᠠᠪᠤᠳᠠᠯ᠎ᠤᠨ ᠬᠤᠷᠢᠶᠠᠨ᠎ᠳᠤ ᠮᠡᠳᠡᠭᠦᠯᠪᠡ᠃ ᠭᠤᠤᠯᠳᠠᠯᠭ᠎ᠠ᠎ᠲᠠᠢ ᠲᠦᠷᠦᠯ ᠵᠦᠢ᠍ᠯ᠎ᠤᠨ ᠪᠦᠳᠤᠭᠡᠨ ᠪᠠᠢ᠌ᠭᠤᠯᠤᠯᠳᠠ ᠵᠢᠨ ᠲᠠᠯ᠎ᠠ᠎ᠪᠠᠷ᠂ ᠮᠠᠨ᠎ᠤ ᠤᠷᠤᠨ᠎ᠤ 29 ᠭᠤᠤᠯᠳᠠᠯᠭ᠎ᠠ᠎ᠲᠠᠢ ᠲᠦᠷᠯ ᠵᠦᠢ᠍ᠯ᠎ᠤᠨ ᠠᠬᠢᠴᠠ ᠲᠦᠷᠭᠡᠳᠴᠤ᠂ ᠬᠤᠤᠯᠢᠨ ᠭᠤᠤᠯ ᠨᠢᠰᠭᠡᠯ᠎ᠤᠨ ᠪᠠᠭᠤᠳᠠᠯ᠎ᠢ ᠰᠢᠨ᠎ᠡ᠎ᠪᠠᠷ ᠪᠠᠢ᠌ᠭᠤᠯᠬᠤ᠂ ᠬᠠᠷᠪᠢᠨ᠎ᠠᠴᠠ ᠮᠠᠨᠵᠤᠤᠷ ᠬᠦᠷᠬᠦ ᠲᠡᠮᠤᠷ ᠵᠠᠮ᠎ᠢ ᠴᠠᠬᠢᠯᠭ᠋ᠠᠨᠴᠢᠯᠠᠬᠤ ᠦᠬᠡᠷᠡᠴᠢᠯᠡᠯᠳᠡ᠂ ᠦᠪᠤᠷ ᠮᠤᠩᠭᠤᠯ᠎ᠤᠨ ᠰᠢᠯᠢ ᠵᠢᠨ ᠭᠤᠤᠯ ᠠᠢ᠌ᠮᠠᠭ᠎ᠠᠴᠠ ᠪᠡᠭᠡᠵᠢᠩ᠂ ᠲᠢᠶᠠᠨᠵᠢᠨ ᠵᠶ᠋ᠡᠷ ᠲᠠᠮᠵᠢᠨ ᠱᠠᠨᠳᠦ᠋ᠩ ᠬᠦᠷᠬᠦ ᠴᠠᠬᠢᠯᠭ᠋ᠠᠨ ᠬᠦᠷᠭᠡᠬᠦ ᠵᠠᠮ ᠰᠤᠭᠤᠮ᠂ ᠴᠠᠩᠴᠦ᠋ᠨ ᠱᠸᠨᠵᠸᠨ᠎ᠤᠨ ᠲᠦᠷᠭᠡᠨ ᠬᠤᠷᠳᠤᠴᠠ ᠵᠠᠮ᠎ᠤᠨ ᠲᠦᠩᠯᠢᠶᠤᠤ᠎ᠠᠴᠠ ᠯᠦᠪᠸᠢ ᠬᠦᠷᠭᠦ ᠬᠡᠰᠡᠭ ᠵᠡᠷᠭᠡ10 ᠲᠦᠷᠦᠯ ᠵᠦᠢ᠍ᠯ ᠨᠢᠭᠡᠨᠳᠡ ᠪᠠᠷᠢᠯᠭ᠎ᠠ ᠡᠬᠢᠯᠡᠵᠦ᠂ ᠴᠠᠩᠴᠦ᠋ᠨ᠎ᠠᠴᠠ ᠪᠠᠷᠠᠭᠤᠨ ᠪᠠᠶᠠᠨᠬᠤᠸᠠ ᠬᠦᠷᠬᠦ ᠲᠡᠮᠤᠷ ᠵᠠᠮ᠂ ᠴᠤᠤᠯ ᠭᠤᠤᠯ᠎ᠤᠨ ᠳᠤᠤᠷᠠᠳᠤ ᠤᠷᠤᠰᠬᠠᠯ᠎ᠤᠨ ᠦᠪᠤᠷ ᠮᠤᠩᠭᠤᠯ᠎ᠤᠨ ᠤᠰᠤᠯᠠᠯᠳᠠ ᠵᠢᠨ ᠤᠷᠤᠨ᠎ᠤ ᠪᠠᠷᠢᠯᠭ᠎ᠠ ᠵᠡᠷᠭᠡ ᠲᠦᠷᠦᠯ ᠵᠦᠢ᠍ᠯ ᠪᠤᠯᠤᠨ ᠪᠤᠰᠤᠳ ᠲᠦᠷᠦᠯ ᠵᠦᠢ᠍ᠯ  ᠎ᠤᠨ ᠤᠷᠢᠳᠠᠴᠢ ᠠᠵᠢᠯ᠎ᠢ ᠶᠠᠭ ᠱᠠᠯᠠᠪᠳᠠᠨ ᠦᠷᠨᠢᠬᠦᠯᠵᠦ ᠪᠠᠢ᠌ᠨ᠎ᠠ᠃
      ᠬᠦᠳᠤᠯᠦᠭᠴᠢ᠄ ᠲᠦᠷᠦ ᠲᠠᠷᠬᠠᠭ᠋ᠠᠭᠰᠠᠨ 28 ᠳ᠋ᠤᠭ᠋ᠠᠷ ᠳᠤᠭ᠋ᠠᠳᠤ ᠪᠢᠴᠢᠭ ᠮᠠᠲᠸᠷᠢᠶᠠᠯ᠎ᠢ ᠦᠪᠤᠷ ᠮᠤᠩᠭᠤᠯ ᠬᠢᠷᠬᠢᠨ ᠲᠤᠤᠱᠯᠠᠭᠤᠯᠤᠨ ᠨᠠᠢ᠌ᠳᠠᠪᠤᠷᠢᠵᠢᠭᠤᠯᠬᠤ ᠪᠤᠢ?
      ᠸᠸᠨ ᠮᠢᠨ᠄ ᠤᠢ᠌ᠷ᠎ᠠ᠎ᠳᠤ᠂ ᠲᠦᠷᠦ ᠵᠢᠨ ᠶᠠᠪᠤᠳᠠᠯ᠎ᠤᠨ ᠬᠤᠷᠢᠶ᠎ᠠ ᠰᠢᠮᠳᠠᠭᠤᠯᠤᠨ ᠪᠠᠢ᠌ᠴᠠᠭ᠋ᠠᠬᠤ ᠲᠤᠭᠤᠢ᠌ᠯᠠᠩ ᠲᠤᠮᠢᠯᠠᠨ ᠵᠡᠭᠦᠨ ᠬᠤᠢ᠌ᠳᠤ ᠤᠷᠤᠨ᠎ᠳᠤ ᠤᠴᠢᠭᠤᠯᠵᠦ 28 ᠳ᠋ᠤᠭ᠋ᠠᠷ ᠳᠤᠭ᠋ᠠᠳᠤ ᠪᠢᠴᠢᠭ ᠮᠠᠲᠸᠷᠢᠶᠠᠯ᠎ᠢ ᠲᠤᠤᠱᠯᠠᠭᠤᠯᠤᠨ ᠨᠠᠢ᠌ᠳᠠᠪᠤᠷᠢᠵᠢᠭᠤᠯᠤᠭᠰᠠᠨ ᠠᠵᠢᠯ᠎ᠢ ᠰᠢᠮᠳᠠᠭᠤᠯᠤᠨ ᠪᠠᠢ᠌ᠴᠠᠭ᠋ᠠᠯᠭ᠋ᠠᠬᠤ᠎ᠪᠠᠷ ᠪᠠᠢ᠌ᠨ᠎ᠠ᠃ ᠲᠠᠷᠠᠭ᠋ᠠᠴᠢ᠎ᠪᠠᠷ᠂ ᠮᠠᠨ᠎ᠤ ᠤᠷᠤᠨ ᠤᠯᠤᠰ᠎ᠤᠨ ᠰᠢᠮᠳᠠᠭᠤᠯᠤᠨ ᠪᠠᠢ᠌ᠴᠠᠭ᠋ᠠᠬᠤ ᠲᠤᠭᠤᠢ᠌ᠯᠠᠩ᠎ᠤᠨ ᠰᠢᠮᠳᠠᠭᠤᠯᠤᠨ ᠪᠠᠢ᠌ᠴᠠᠭ᠋ᠠᠬᠤ ᠠᠵᠢᠯ᠎ᠳᠤ ᠨᠢᠭᠳᠠ ᠬᠠᠮᠵᠢᠯᠴᠠᠵᠦ᠂ ᠤᠳᠤᠬᠠᠨ᠎ᠤ ᠦᠪᠡᠷᠳᠡᠭᠡᠨ ᠵᠠᠰᠠᠬᠤ ᠤᠷᠤᠨ᠎ᠤ ᠠᠵᠦ ᠠᠬᠤᠢ ᠨᠡᠢ᠌ᠭᠡᠮ᠎ᠤᠨ ᠬᠦᠭᠵᠢᠯᠳᠡ ᠦᠬᠡᠷᠡᠴᠢᠯᠡᠯᠳᠡ ᠵᠢᠨ ᠭᠤᠤᠯᠳᠠᠯᠭ᠎ᠠ᠎ᠲᠠᠢ ᠠᠵᠢᠯ᠎ᠲᠠᠢ ᠤᠶᠠᠯᠳᠤᠭᠤᠯᠵᠦ᠂ ᠲᠦᠷᠦ ᠳᠠᠷᠬᠠᠭ᠋ᠠᠭᠰᠠᠨ 28 ᠳ᠋ᠤᠭ᠋ᠠᠷ ᠳᠤᠭ᠋ᠠᠳᠤ ᠪᠢᠴᠢᠭ ᠮᠠᠲᠸᠷᠢᠶᠠᠯ᠎ᠢ ᠦᠷᠬᠦᠯᠵᠢᠯᠡᠨ ᠰᠠᠢ᠌ᠳᠤᠷ ᠲᠤᠤᠱᠯᠠᠭᠤᠯᠤᠨ ᠨᠠᠢ᠌ᠳᠠᠪᠤᠷᠢᠵᠢᠭᠤᠯᠵᠦ᠂ ᠲᠤᠮᠤ ᠴᠢᠬᠤᠯᠠ ᠲᠦᠷᠦ ᠵᠢᠨ ᠪᠤᠳᠤᠯᠭ᠎ᠠ ᠵᠢ ᠴᠢᠷᠮᠠᠢ᠌ᠨ ᠨᠠᠢ᠌ᠳᠠᠪᠤᠷᠢᠵᠢᠭᠤᠯᠬᠤ ᠵᠢ ᠤᠯᠠᠮ ᠴᠢᠩᠭ᠋ᠠᠳᠬᠠᠵᠦ᠂ ᠭᠤᠤᠯᠳᠠᠯᠭ᠎ᠠ᠎ᠲᠠᠢ ᠲᠦᠷᠦᠯ ᠵᠦᠢ᠍ᠯ᠎ᠤᠨ ᠪᠦᠳᠤᠭᠡᠨ ᠪᠠᠢ᠌ᠭᠤᠯᠤᠯᠳᠠ ᠵᠢ ᠲᠦᠷᠭᠡᠨ ᠠᠬᠢᠭᠤᠯᠵᠦ᠂ ᠠᠢ᠌ᠮᠠᠭ ᠬᠤᠳᠠ᠂ ᠰᠠᠯᠠᠭ᠎ᠠ ᠮᠦᠴᠢᠷ᠎ᠤᠨ ᠬᠤᠭᠤᠷᠤᠨᠳᠤᠬᠢ ᠠᠵᠢᠯ᠎ᠤᠨ ᠬᠠᠮᠵᠢᠯᠴᠠᠭ᠎ᠠ ᠵᠢ ᠴᠢᠨᠠᠭᠰᠢᠳᠠ ᠪᠤᠢ ᠪᠤᠯᠭ᠋ᠠᠵᠦ᠂ ᠵᠡᠭᠦᠨ ᠬᠡᠰᠡᠭ᠎ᠤᠨ ᠠᠢ᠌ᠮᠠᠭ ᠬᠤᠳᠠ ᠵᠢᠨ ᠬᠦᠭᠵᠢᠨ ᠮᠠᠨᠳᠤᠬᠤ ᠵᠢ ᠲᠦᠷᠭᠡᠳᠭᠡᠨ ᠠᠬᠢᠭᠤᠯᠤᠨ᠎ᠠ᠃
      ᠬᠦᠳᠤᠯᠦᠭᠴᠢ᠄ ᠵᠠ ᠰᠠᠢ᠌ᠨ ᠪᠤᠯᠤᠯ᠎ᠠ᠂ ᠲᠠᠨ᠎ᠤ ᠲᠠᠢ᠌ᠯᠪᠤᠷᠢᠯᠠᠯᠳᠠ ᠬᠢᠭᠰᠡᠨ᠎ᠳᠤ ᠲᠠᠯᠠᠷᠬᠠᠵᠦ ᠪᠠᠢ᠌ᠨ᠎ᠠ᠃ ᠲᠦᠷᠦ ᠲᠠᠷᠬᠠᠭ᠋ᠠᠭᠰᠠᠨ 28 ᠳ᠋ᠤᠭ᠋ᠠᠷ ᠳᠤᠭ᠋ᠠᠳᠤ ᠪᠢᠴᠢᠭ ᠮᠠᠲᠸᠷᠢᠶᠠᠯ᠎ᠤᠨ ᠵᠤᠷᠢᠭ ᠰᠠᠨᠠᠭ᠋ᠠᠨ᠎ᠤ ᠵᠢᠯᠤᠭᠤᠳᠤᠯᠭ᠎ᠠ ᠳᠤᠤᠷ᠎ᠠ᠂   ᠮᠠᠨ᠎ᠤ ᠤᠷᠤᠨ᠎ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ᠎ᠤᠨ ᠬᠠᠮᠳᠤ ᠵᠢᠨ ᠴᠢᠷᠮᠠᠢ᠌ᠯᠭ᠎ᠠ ᠳᠤᠤᠷ᠎ᠠ  ᠂ ᠵᠡᠬᠦᠨ ᠬᠡᠰᠡᠭ᠎ᠤᠨ ᠠᠢ᠌ᠮᠠᠭ ᠬᠤᠳᠠ ᠵᠢᠨ ᠬᠦᠭᠵᠢᠯ ᠮᠠᠨᠳᠤᠯ᠎ᠢ ᠯᠠᠪᠳᠠᠢ᠌ᠶ᠎ᠠ ᠬᠦᠴᠤᠲᠠᠢ ᠠᠬᠢᠭᠤᠯᠤᠨ᠎ᠠ ᠭᠡᠳᠡᠭ᠎ᠢ ᠢᠳᠡᠭᠡᠵᠦ ᠪᠠᠢ᠌ᠨ᠎ᠠ᠃ ᠸᠸᠨ ᠡᠷᠬᠢᠯᠡᠭᠴᠢ᠎ᠳᠤ ᠳᠠᠬᠢᠨᠳᠠ ᠲᠠᠯᠠᠷᠬᠠᠶ᠎ᠠ᠂ ᠮᠦᠨᠴᠤ ᠰᠦᠯᠵᠢᠶᠡᠨ ᠠᠨᠳᠠ ᠨᠠᠷ᠎ᠤᠨ ᠬᠦᠯᠢᠶᠡᠨ ᠠᠪᠴᠤ ᠦᠵᠡᠭᠰᠡᠨ᠎ᠳᠤ ᠲᠠᠯᠠᠷᠬᠠᠵᠦ ᠪᠠᠢ᠌ᠨ᠎ᠠ᠃ ᠡᠨᠡ ᠤᠳᠠᠭ᠋ᠠᠨ᠎ᠤ ᠰᠤᠷᠪᠤᠯᠵᠢᠯᠠᠭ᠎ᠠ ᠶᠠᠷᠢᠯᠴᠠᠭ᠎ᠠ ᠡᠨᠳᠡ ᠬᠦᠷᠦᠭᠡᠳ ᠲᠠᠭᠦᠰᠤᠯ᠎ᠠ᠂ ᠲᠠᠷᠠᠭ᠋ᠠᠴᠢ ᠵᠢᠨ ᠫᠷᠦᠭᠷᠡᠮ᠎ᠳᠤ ᠪᠠᠶᠠᠷᠲᠠᠢ ᠵᠤᠯᠭ᠋ᠠᠶ᠎ᠠ  !


     

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠮᠠᠨ ᠎ᠤ ᠣᠷᠣᠨ᠎ᠤ ᠡᠯ᠎ᠡ ᠱᠠᠳᠤᠨ᠎ᠤ ᠵᠠᠰᠠᠭ᠎ᠤᠨ ᠣᠷᠳᠣᠨ ᠎ᠤ ᠡᠷᠬᠡ ᠵᠢᠨ ᠨᠠᠷᠢᠨ ᠳᠠᠩᠰᠠ ᠵᠢᠨ ᠳᠦᠷᠢᠮ᠎ᠤᠨ ᠪᠠᠢ᠌ᠭᠤᠯᠣᠯᠲᠠ ᠵᠢᠨ ᠠᠵᠢᠯ᠎ᠢ ᠪᠦᠬᠦ ᠲᠠᠯ᠎ᠠ᠎ᠪᠠᠷ ᠠᠬᠢᠭᠤᠯᠤᠶ᠎ᠠ
ᠴᠠᠭ ᠲᠤᠬᠢᠶᠠᠯ᠎ᠢ ᠵᠠᠪᠳᠤᠵᠦ ᠰᠢᠨ᠎ᠡ ᠬᠡᠪ ᠪᠠᠢ᠌ᠳᠠᠯ᠎ᠳᠤ ᠵᠤᠬᠢᠴᠠᠭᠤᠯᠤᠨ ᠶᠠᠰᠤ ᠴᠢᠨᠠᠷ᠎ᠲᠤ ᠬᠢᠨᠠᠯᠳᠠ ᠲᠠᠯᠪᠢᠬᠤ ᠠᠵᠢᠯ᠎ᠤᠨ ᠰᠢᠨ᠎ᠡ ᠦᠰᠤᠷᠤᠯᠳᠠ ᠵᠢ ᠪᠡᠶᠡᠯᠡᠭᠦᠯᠬᠦ᠎ᠪᠠᠷ ᠴᠢᠷᠮᠠᠢ᠌ᠶ᠎ᠠ
ᠦᠪᠡᠷᠲᠡᠭᠡᠨ ᠵᠠᠰᠠᠬᠤ ᠣᠷᠣᠨ᠎ᠤ ᠲᠦᠮᠡᠨ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ ᠲᠦᠭ ᠲᠦᠮᠡᠨ ᠵᠶ᠋ᠡᠷ ᠵᠶ᠋ᠡᠨ ᠰᠢᠨ᠎ᠡ ᠵᠢ ᠡᠭᠦᠳᠬᠦ ᠵᠢ ᠠᠬᠢᠭᠤᠯᠤᠭᠰᠠᠨ ᠪᠠᠢ᠌ᠳᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠬᠢᠯᠭ᠋ᠠᠨ ᠱᠠᠲᠤᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠠᠷᠭ᠎ᠠ》 ᠵᠢᠨ ᠲᠠᠢ᠌ᠯᠤᠮᠵᠢ
ᠨᠡᠶ᠋ᠢᠲᠡᠯᠢᠭ ᠵᠢᠱ᠌ᠢᠶ᠎ᠡ᠎ᠪᠠᠷ ᠳᠠᠭ᠋ᠠᠭᠤᠯᠤᠨ ᠭᠣᠣᠯᠳᠠᠯᠭ᠎ᠠ᠎ᠲᠠᠢ᠎ᠪᠠᠷ ᠳᠥᠯᠭᠢᠨ ᠠᠬᠢᠭᠤᠯᠵᠤ ᠤᠯᠠᠭ᠋ᠠᠨᠬᠠᠳᠠ ᠬᠣᠲᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠲᠦᠯᠬᠢᠨ ᠠᠬᠢᠭᠤᠯᠬᠤ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠵᠢᠯ᠎ᠢ ᠭᠦᠨᠵᠡᠭᠡᠢ᠌ᠷᠡᠭᠦᠯᠵᠦ ᠪᠤᠢ
 
            