ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠡᠷᠬᠡ ᠠᠰᠢᠭ᠎ᠢ ᠬᠠᠮᠠᠭ᠋ᠠᠯᠠᠬᠤ ᠲᠣᠭᠲᠠᠭ᠋ᠠᠯ》᠎ᠤᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2015-09-21

      ᠰᠤᠷᠪᠤᠯᠵᠢᠯᠠᠭᠰᠠᠨ ᠴᠠᠭ᠄
     2015 ᠣᠨ᠎ᠤ 9 ᠳ᠋ᠤᠭᠡᠷ ᠰᠠᠷ᠎ᠠ ᠵᠢᠨ 14᠎ᠤ ᠡᠳᠦᠷ᠎ᠤᠨ ᠦᠳᠡ ᠵᠢᠨ ᠡᠮᠦᠨ᠎ᠡ 10 ᠴᠠᠭ᠎ᠲᠤ
      ᠰᠤᠷᠪᠤᠯᠵᠢᠯᠠᠭᠰᠠᠨ ᠵᠤᠴᠢᠨ᠄
      ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠮᠡᠳᠡᠭᠡ ᠵᠠᠩᠭᠢᠵᠢᠯ᠎ᠤᠨ ᠵᠦᠪᠯᠡᠯ᠎ᠤᠨ ᠳᠡᠳ᠋ ᠡᠷᠬᠢᠯᠡᠭᠴᠢ   ᠵᠠᠩ ᠪᠠᠢ ᠴᠸᠩ



      ᠰᠤᠷᠪᠤᠯᠵᠢᠯᠠᠨ ᠶᠠᠷᠢᠯᠴᠠᠭᠰᠠᠨ ᠲᠤᠪᠴᠢ᠄
      ᠠᠵᠤ ᠠᠬᠤᠢ᠌ᠯᠠᠯ᠎ᠤᠨ ᠬᠠᠦᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠂ ᠠᠵᠤ ᠠᠬᠤᠢ᠌ᠯᠠᠯ᠎ᠤᠨ ᠳᠠᠷᠤᠭ᠋ᠠᠰᠤ ᠵᠢ ᠬᠥᠩᠭᠡᠯᠡᠵᠦ᠂ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠦᠨ᠂ ᠮᠠᠨ᠎ᠤ ᠣᠷᠣᠨ᠎ᠤ ᠠᠵᠤ ᠠᠬᠤᠢ ᠨᠡᠢ᠌ᠭᠡᠮ᠎ᠤᠨ ᠥᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠵᠢᠨ ᠲᠥᠯᠦᠭᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠡᠷᠬᠡ ᠠᠰᠢᠭ᠎ᠢ ᠬᠠᠮᠠᠭ᠋ᠠᠯᠠᠬᠤ ᠲᠣᠭᠲᠠᠭ᠋ᠠᠯ》 (ᠳᠣᠷᠣᠭᠰᠢ 《ᠲᠣᠭᠲᠠᠭ᠋ᠠᠯ》 ᠭᠡᠵᠦ ᠳᠥᠭᠥᠮᠴᠢᠯᠡᠨ᠎ᠡ)᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠤᠰᠬᠠᠢ ᠰᠡᠳᠦᠪᠲᠦ ᠬᠤᠷᠠᠯ ᠵᠶ᠋ᠠᠷ ᠬᠢᠨᠠᠨ ᠪᠠᠲᠤᠯᠠᠭ᠋ᠠᠳ ᠥᠪᠥᠷ ᠵᠠᠰᠠᠭ ᠲᠠᠷᠬᠠᠭ᠋ᠠᠭᠰᠠᠨ【2015】64 ᠳ᠋ᠤᠭᠡᠷ ᠲᠣᠭ᠋ᠠᠲᠤ ᠪᠢᠴᠢᠭ ᠮᠠᠲᠸᠷᠢᠶᠠᠯ ᠵᠶ᠋ᠠᠷ ᠢᠯᠡ᠎ᠪᠠᠷ ᠨᠡᠢ᠌ᠲᠡᠯᠡᠭᠰᠡᠨ ᠪᠠᠢ᠌ᠨ᠎ᠠ᠃ 《ᠲᠣᠭᠲᠠᠭ᠋ᠠᠯ》᠎ᠤᠨ ᠨᠡᠢ᠌ᠲᠡᠯᠡᠯᠲᠡ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠳᠠᠷᠤᠭ᠋ᠠᠰᠤ ᠵᠢ ᠬᠥᠩᠭᠡᠯᠡᠬᠥ ᠠᠵᠢᠯ᠎ᠤᠨ ᠨᠢᠭᠡᠨ ᠲᠣᠮᠣ ᠶᠠᠪᠤᠳᠠᠯ ᠪᠣᠯᠬᠤ ᠪᠥᠭᠡᠳ ᠪᠥᠬᠥ ᠣᠷᠣᠨ᠎ᠤ ᠠᠵᠤ ᠠᠬᠤᠢ᠌ᠯᠠᠯ᠎ᠤᠨ ᠬᠠᠦᠯᠢ ᠶᠣᠰᠣᠨ᠎ᠤ ᠡᠵᠡᠩᠨᠡᠯᠲᠡ᠎ᠳᠤ 《ᠬᠠᠮᠠᠭ᠋ᠠᠯᠠᠯᠲᠠ ᠵᠢᠨ ᠰᠢᠭᠥᠷ》 ᠣᠯᠭᠣᠭᠰᠠᠨ ᠪᠠᠢ᠌ᠨ᠎ᠠ᠃ 《ᠲᠣᠭᠲᠠᠭ᠋ᠠᠯ》᠎ᠤᠨ ᠬᠣᠯᠪᠤᠭᠳᠠᠯ ᠪᠥᠬᠦᠢ ᠠᠭᠤᠯᠭ᠎ᠠ ᠵᠢ ᠨᠡᠢ᠌ᠭᠡᠮ ᠳᠠᠶᠠᠭ᠋ᠠᠷ ᠪᠣᠯᠣᠨ ᠥᠷᠭᠡᠨ ᠣᠯᠠᠨ ᠠᠵᠤ ᠠᠬᠤᠢ᠌ᠯᠠᠯ᠎ᠳᠤ ᠨᠠᠷᠢᠨ ᠣᠢ᠌ᠯᠠᠭ᠋ᠠᠭᠤᠯᠬᠤ ᠵᠢᠨ ᠲᠤᠰᠠᠲᠠ᠂ ᠣᠢ᠌ᠷ᠎ᠠ᠎ᠳᠤ ᠪᠢᠳᠡ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠮᠡᠳᠡᠭᠡ ᠵᠠᠩᠭᠢᠵᠢᠯ᠎ᠤᠨ ᠵᠦᠪᠯᠡᠯ᠎ᠤᠨ ᠳᠡᠳ᠋ ᠡᠷᠬᠢᠯᠡᠭᠴᠢ ᠵᠠᠩ ᠪᠠᠢ ᠴᠸᠩ᠎ᠢ 《ᠳᠤᠮᠳᠠᠲᠤ ᠤᠯᠤᠰ᠂ ᠥᠪᠥᠷ ᠮᠣᠩᠭᠣᠯ》 ᠰᠦᠯᠵᠢᠶᠡᠨ᠎ᠳᠤ ᠣᠷᠢᠵᠤ ᠲᠠ ᠪᠥᠬᠥᠨ᠎ᠲᠠᠢ ᠶᠠᠷᠢᠯᠴᠠᠭᠤᠯᠬᠤ ᠪᠣᠯᠣᠨ᠎ᠠ᠂ ᠥᠷᠭᠡᠨ ᠣᠯᠠᠨ ᠰᠦᠯᠵᠢᠶᠡᠨ ᠠᠨᠳᠠ ᠨᠠᠷ ᠲᠤᠬᠠᠢ ᠵᠢᠨ ᠴᠠᠭ᠎ᠲᠤᠨᠢ ᠢᠳᠡᠪᠬᠢᠲᠡᠢ ᠣᠷᠣᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ᠃


      ᠬᠥᠲᠥᠯᠥᠭᠴᠢ ᠄ ᠰᠦᠯᠵᠢᠶᠡᠨ ᠠᠨᠳᠠ ᠨᠠᠷ ᠡ᠂ ᠰᠠᠢ᠌ᠨ ᠪᠠᠢ᠌ᠴᠠᠭ᠋ᠠᠨ᠎ᠠ ᠦᠦ᠂ ᠲᠠ ᠪᠥᠬᠥᠨ ᠲᠤᠰ ᠬᠤᠭᠤᠴᠠᠭ᠋ᠠᠨ᠎ᠤ 《ᠳᠤᠮᠳᠠᠲᠤ ᠤᠯᠤᠰ   ᠥᠪᠥᠷ ᠮᠣᠩᠭᠣᠯ》 ᠪᠣᠯᠣᠩ᠎ᠤᠨ ᠰᠦᠯᠵᠢᠶᠡᠨ ᠰᠣᠷᠪᠤᠯᠵᠢᠯᠠᠭ᠎ᠠ ᠵᠢ ᠬᠦᠯᠢᠶᠡᠨ ᠠᠪᠴᠤ ᠦᠵᠡᠬᠥ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠥᠷ ᠪᠢᠳᠡ ᠠᠵᠠ ᠵᠠᠪᠰᠢᠶᠠᠨ᠎ᠲᠠᠢ᠎ᠪᠠᠷ ᠠᠵᠤ ᠠᠬᠤᠢ ᠮᠡᠳᠡᠭᠡ ᠵᠠᠩᠭᠢᠵᠢᠯ᠎ᠤᠨ ᠵᠦᠪᠯᠡᠯ᠎ᠤᠨ ᠳᠡᠳ᠋ ᠡᠷᠬᠢᠯᠡᠭᠴᠢ ᠵᠠᠩ ᠪᠠᠢ ᠴᠸᠩ᠎ᠢ ᠡᠨᠳᠡ ᠣᠷᠢᠨ ᠢᠷᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠡᠷᠬᠡ ᠠᠰᠢᠭ᠎ᠢ ᠬᠠᠮᠠᠭ᠋ᠠᠯᠠᠬᠤ ᠲᠣᠭᠲᠠᠭ᠋ᠠᠯ (ᠳᠣᠷᠣᠭᠰᠢ 《ᠲᠣᠭᠲᠠᠭ᠋ᠠᠯ》 ᠭᠡᠵᠦ ᠳᠥᠭᠥᠮᠴᠢᠯᠡᠨ᠎ᠡ)᠎ᠤᠨ ᠬᠣᠯᠪᠤᠭᠳᠠᠯ ᠪᠥᠬᠦᠢ ᠪᠠᠢ᠌ᠳᠠᠯ᠎ᠤᠨ ᠲᠣᠬᠠᠢ ᠮᠠᠨ᠎ᠳᠤ ᠨᠠᠷᠢᠨ ᠲᠠᠢ᠌ᠯᠤᠮᠵᠢ ᠬᠢᠬᠥ ᠪᠣᠯᠣᠨ᠎ᠠ᠃ ᠵᠠᠩ ᠡᠷᠬᠢᠯᠡᠭᠴᠢ ᠡ᠂ ᠲᠠᠨ᠎ᠢ ᠪᠠᠶᠠᠷᠯᠠᠨ ᠤᠭᠲᠤᠵᠤ ᠪᠠᠢ᠌ᠨ᠎ᠠ᠃
      ᠵᠠᠩ ᠪᠠᠢ ᠴᠸᠩ᠄ ᠬᠥᠲᠥᠯᠥᠭᠴᠢ ᠲᠠ ᠰᠠᠢ᠌ᠨ ᠪᠠᠢ᠌ᠨᠤ᠂ ᠰᠦᠯᠵᠢᠶᠡᠨ ᠠᠨᠳᠠ ᠨᠠᠷ ᠰᠠᠢ᠌ᠨ ᠪᠠᠢ᠌ᠴᠠᠭ᠋ᠠᠨ᠎ᠠ ᠦᠦ᠃ ᠡᠨᠡ ᠬᠥ᠋ ᠵᠠᠪᠰᠢᠶᠠᠨ ᠵᠶ᠋ᠠᠷ ᠲᠠ ᠪᠥᠬᠥᠨ᠎ᠲᠠᠢ ᠵᠣᠭᠣᠭᠳᠠᠬᠤ ᠪᠣᠯᠣᠭᠰᠠᠨ᠎ᠳᠠᠭᠠᠨ ᠲᠤᠩ ᠪᠠᠶᠠᠷᠲᠠᠢ ᠪᠠᠢ᠌ᠨ᠎ᠠ᠃
      ᠬᠥᠲᠥᠯᠥᠭᠴᠢ᠄ ᠵᠠᠩ ᠡᠷᠬᠢᠯᠡᠭᠴᠢ ᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠡᠷᠬᠡ ᠠᠰᠢᠭ᠎ᠢ ᠬᠠᠮᠠᠭ᠋ᠠᠯᠠᠬᠤ ᠲᠣᠭᠲᠠᠭ᠋ᠠᠯ》᠎ᠢ ᠲᠣᠭᠣᠷᠪᠢᠨ ᠪᠢᠴᠢᠭᠰᠡᠨ ᠶᠠᠪᠤᠴᠠ᠎ᠨᠤᠭᠤᠳ᠎ᠢ ᠤᠷᠢᠳᠠᠪᠡᠷ ᠮᠠᠨ᠎ᠳᠤ ᠲᠠᠨᠢᠯᠴᠠᠭᠤᠯᠤᠭ᠋ᠠᠳ ᠥᠭᠭᠥᠨᠦ?
      ᠵᠠᠩ ᠪᠠᠢ ᠴᠸᠩ᠄ ᠪᠣᠯᠣᠨ᠎ᠠ᠃ ᠡᠨᠡ ᠵᠢᠯ᠎ᠤᠨ ᠡᠬᠢᠨ᠎ᠠᠴᠠ ᠠᠪᠤᠭ᠋ᠠᠳ 4 ᠳ᠋ᠤᠭᠡᠷ ᠰᠠᠷ᠎ᠠ ᠵᠢᠨ ᠡᠴᠦᠰ ᠬᠥᠷᠲᠡᠯ᠎ᠡ᠂ ᠪᠢᠳᠡ 《ᠲᠣᠭᠲᠠᠭ᠋ᠠᠯ》᠎ᠤᠨ ᠡᠮᠦᠨᠡᠬᠢ ᠬᠤᠭᠤᠴᠠᠭ᠋ᠠᠨ᠎ᠤ ᠪᠠᠢ᠌ᠴᠠᠭ᠋ᠠᠨ ᠰᠣᠳᠣᠯᠣᠯᠲᠠ ᠵᠢᠨ ᠠᠵᠢᠯ᠎ᠢ ᠪᠡᠶᠡᠯᠡᠭᠦᠯᠵᠡᠢ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠳᠠᠷᠤᠭ᠋ᠠᠰᠤ ᠵᠢ ᠬᠥᠩᠭᠡᠯᠡᠬᠥ ᠠᠵᠢᠯ᠎ᠤᠨ ᠤᠳᠤᠷᠢᠳᠬᠤ ᠳᠤᠭᠤᠢ᠌ᠯᠠᠩ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠦᠭᠡᠯᠡᠭᠴᠢᠳ᠎ᠤᠨ ᠶᠡᠬᠡ ᠬᠤᠷᠠᠯ᠂ ᠵᠠᠰᠠᠭ᠎ᠤᠨ ᠣᠷᠳᠣᠨ᠂ ᠤᠯᠤᠰ ᠲᠥᠷᠥ ᠵᠢᠨ ᠵᠦᠪᠯᠡᠯᠭᠡᠨ᠎ᠤ ᠬᠤᠯᠪᠤᠭᠳᠠᠯ ᠪᠥᠬᠦᠢ ᠰᠠᠯᠠᠭ᠎ᠠ ᠮᠦᠴᠢᠷ ᠵᠶ᠋ᠡᠷ ᠪᠦᠷᠢᠯᠳᠦᠭᠰᠡᠨ ᠬᠠᠮᠲᠤᠷᠠᠨ ᠠᠵᠢᠯᠯᠠᠬᠤ 6 ᠳᠤᠭᠤᠢ᠌ᠯᠠᠩ ᠪᠠᠢ᠌ᠭᠤᠯᠤᠨ᠂ ᠡᠯ᠎ᠡ ᠠᠢ᠌ᠮᠠᠭ ᠬᠣᠲᠠ᠎ᠪᠠᠷ ᠬᠦᠷᠴᠦ᠂ ᠬᠠᠮᠢᠶ᠎ᠡ ᠪᠥᠬᠦᠢ ᠪᠠᠢ᠌ᠴᠠᠭ᠋ᠠᠨ ᠰᠣᠳᠣᠯᠣᠯᠲᠠ ᠵᠢᠨ ᠠᠵᠢᠯ᠎ᠢ ᠥᠷᠨᠢᠭᠦᠯᠦᠨ᠂ ᠡᠯ᠎ᠡ ᠠᠢ᠌ᠮᠠᠭ ᠬᠣᠲᠠ ᠵᠢᠨ ᠬᠣᠯᠪᠤᠭᠳᠠᠯ ᠪᠥᠬᠦᠢ ᠰᠠᠯᠠᠭ᠎ᠠ ᠮᠦᠴᠢᠷ᠂ ᠡᠯ᠎ᠡ ᠲᠥᠷᠥᠯ᠎ᠤᠨ ᠠᠵᠤ ᠠᠬᠤᠢ᠌ᠯᠠᠯ᠎ᠠᠴᠠ ᠣᠳᠣᠬᠠᠨ᠎ᠤ ᠠᠵᠤ ᠠᠬᠤᠢ᠌ᠯᠠᠯ᠎ᠤᠨ ᠡᠷᠬᠡ᠎ᠪᠠᠨ ᠬᠠᠮᠠᠭ᠋ᠠᠯᠠᠵᠤ ᠳᠠᠷᠤᠭ᠋ᠠᠰᠤ ᠬᠥᠩᠭᠡᠯᠡᠬᠥ ᠲᠣᠬᠠᠢ ᠰᠠᠨᠠᠯ ᠰᠠᠨᠠᠭᠤᠯᠭ᠎ᠠ ᠰᠣᠨᠣᠰᠴᠠᠢ; ᠠᠢ᠌ᠮᠠᠭ ᠬᠣᠲᠠ ᠵᠢᠨ ᠰᠠᠨᠠᠯ ᠪᠠ ᠰᠠᠨᠠᠭᠤᠯᠭ᠎ᠠ ᠵᠢ ᠪᠢᠳᠡ ᠰᠢᠰᠲᠸᠮ᠎ᠲᠠᠢ᠎ᠪᠠᠷ ᠡᠮᠬᠢᠯᠡᠨ ᠰᠣᠩᠭᠣᠭᠰᠠᠨ᠎ᠤ ᠬᠠᠮᠲᠤ᠂ ᠪᠣᠰᠤᠳ ᠮᠤᠵᠢ ᠤᠷᠤᠨ ᠬᠣᠲᠠ ᠵᠢᠨ ᠬᠣᠯᠪᠤᠭᠳᠠᠯ ᠪᠥᠬᠦᠢ ᠪᠢᠴᠢᠭ ᠮᠠᠲᠸᠷᠢᠶᠠᠯ᠎ᠢ ᠯᠠᠪᠯᠠᠯᠲᠠ ᠪᠣᠯᠭ᠋ᠠᠨ᠂ 《ᠲᠣᠭᠲᠠᠭ᠋ᠠᠯ》᠎ᠤᠨ ᠠᠩᠬ᠎ᠠ ᠨᠤᠤᠷᠠᠭ᠎ᠢ 5 ᠳ᠋ᠤᠭ᠋ᠠᠷ ᠰᠠᠷ᠎ᠠ ᠵᠢᠨ ᠳᠤᠮᠳᠠᠴᠢ᠎ᠪᠠᠷ ᠪᠢᠴᠢᠵᠦ ᠭᠠᠷᠭ᠋ᠠᠭ᠋ᠠᠳ ᠥᠪᠡᠷᠲᠡᠭᠡᠨ ᠵᠠᠰᠠᠬᠤ ᠣᠷᠣᠨ᠎ᠤ ᠥᠭᠡᠷᠡᠴᠢᠯᠡᠯᠲᠡ ᠬᠥᠭᠵᠢᠭᠥᠯᠦᠯᠲᠡ ᠵᠢᠨ ᠵᠦᠪᠯᠡᠯ᠂ ᠡᠳ᠋᠎ᠤᠨ ᠵᠠᠰᠠᠭ᠎ᠤᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠣᠷᠣᠨ ᠨᠤᠲᠤᠭ᠎ᠤᠨ ᠭᠠᠢ᠌ᠯᠢ ᠵᠢᠨ ᠲᠣᠪᠴᠢᠶ᠎ᠡ ᠵᠡᠷᠭᠡ ᠬᠣᠯᠪᠤᠭᠳᠠᠯ ᠪᠥᠬᠦᠢ ᠲᠢᠩᠬᠢᠮ ᠲᠣᠪᠴᠢᠶ᠎ᠡ᠎ᠳᠤ ᠥᠭᠴᠦ ᠰᠠᠨᠠᠯ ᠬᠤᠷᠢᠶᠠᠪᠠ᠃ ᠡᠯ᠎ᠡ ᠲᠢᠩᠬᠢᠮ ᠲᠣᠪᠴᠢᠶᠡᠨ᠎ᠤ ᠪᠤᠴᠠᠭ᠋ᠠᠭᠰᠠᠨ ᠰᠠᠨᠠᠯ᠎ᠢ ᠦᠨᠳᠦᠰᠦᠯᠡᠨ ᠵᠠᠰᠠᠪᠤᠷᠢ ᠣᠷᠤᠭᠤᠯᠤᠨ ᠲᠡᠭᠦᠯᠳᠡᠷᠵᠢᠭᠦᠯᠵᠦ᠂ 5 ᠳ᠋ᠤᠭ᠋ᠠᠷ ᠰᠠᠷ᠎ᠠ ᠵᠢᠨ ᠳᠤᠮᠳᠠᠴᠢ᠎ᠪᠠᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠡᠷᠬᠡ ᠠᠰᠢᠭ᠎ᠢ ᠬᠠᠮᠠᠭ᠋ᠠᠯᠠᠬᠤ ᠲᠣᠭᠲᠠᠭ᠋ᠠᠯ (ᠮᠡᠳᠡᠭᠦᠯᠦᠨ ᠬᠥᠷᠭᠡᠬᠥ ᠨᠤᠤᠷᠠᠭ)》᠎ᠢ ᠪᠢᠴᠢᠵᠦ ᠭᠠᠷᠭ᠋ᠠᠭ᠋ᠠᠳ ᠬᠢᠨᠠᠨ ᠵᠦᠪᠯᠡᠭᠦᠯᠭᠥ᠎ᠪᠠᠷ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠳᠤ ᠮᠡᠳᠡᠭᠦᠯᠦᠨ ᠬᠦᠷᠭᠡᠭᠰᠡᠨ ᠶᠤᠮ᠃
      ᠬᠥᠲᠥᠯᠥᠭᠴᠢ᠄ ᠶᠠᠮᠠᠷ ᠠᠬᠤᠢ ᠪᠠᠢ᠌ᠳᠠᠯ᠎ᠠᠴᠠ ᠪᠣᠯᠵᠤ 《ᠲᠣᠭᠲᠠᠭ᠋ᠠᠯ》 ᠭᠠᠷᠭ᠋ᠠᠭᠰᠠᠨ ᠪᠣᠢ?
      ᠵᠠᠩ ᠪᠠᠢ ᠴᠸᠩ ᠄ ᠣᠳᠣᠬᠠᠨ᠎ᠤ ᠪᠡᠷᠬᠡ ᠪᠣᠳᠣᠯᠢᠶᠡᠨᠲᠠᠢ ᠠᠵᠤ ᠠᠬᠤᠢ ᠵᠢᠨ ᠪᠠᠢ᠌ᠳᠠᠯ ᠪᠣᠯᠣᠨ ᠬᠡᠯᠪᠡᠷᠢ ᠵᠢ ᠰᠢᠯᠵᠢᠭᠦᠯᠦᠨ ᠪᠥᠲᠦᠴᠡ ᠵᠢ ᠲᠣᠬᠢᠷᠠᠭᠤᠯᠬᠤ ᠲᠤᠩ ᠬᠠᠳᠠᠭᠤᠵᠢᠯᠲᠠᠢ ᠡᠭᠦᠷᠭᠡ ᠵᠢᠨ ᠡᠮᠦᠨ᠎ᠡ᠂ ᠮᠠᠨ᠎ᠤ ᠣᠷᠣᠨ᠎ᠤ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠡᠵᠡᠩᠨᠡᠯᠲᠡ᠎ᠳᠤ ᠮᠠᠰᠢ ᠣᠯᠠᠨ ᠬᠦᠴᠢᠷᠳᠡᠯ ᠪᠣᠯᠣᠨ ᠠᠰᠠᠭᠤᠳᠠᠯ ᠢᠯᠡᠷᠡᠵᠦ᠂ ᠠᠵᠤ ᠠᠬᠤᠢ᠌ᠯᠠᠯ᠎ᠤᠨ ᠶᠡᠷᠦᠩᠬᠡᠢ᠌ᠯᠡᠭᠰᠡᠨ ᠳᠠᠷᠤᠭ᠋ᠠᠰᠤ ᠬᠥᠩᠭᠡᠷᠡᠬᠥ ᠵᠢᠨ ᠠᠷᠭ᠎ᠠ ᠦᠭᠡᠢ ᠪᠣᠯᠵᠠᠢ᠃ ᠵᠢᠱ᠌ᠢᠶᠡᠯᠡᠪᠡᠯ᠂ ᠡᠯ᠎ᠡ ᠲᠥᠷᠥᠯ᠎ᠤᠨ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠬᠦ ᠵᠢᠨ ᠡᠮᠦᠨᠡᠬᠢ ᠡᠵᠡᠩᠨᠡᠯᠲᠡ ᠵᠢᠨ ᠴᠢᠨᠠᠷᠲᠠᠢ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠪᠠᠷᠢᠮᠵᠢᠶ᠎ᠡ ᠥᠨᠳᠥᠷ᠂ ᠲᠥᠷᠥᠯ ᠵᠦᠢ᠍ᠯ ᠣᠯᠠᠨ᠂ ᠬᠢᠨᠠᠨ ᠵᠦᠪᠰᠢᠶᠡᠷᠡᠬᠦ ᠦᠶᠡᠯᠡᠯ᠎ᠤᠨ ᠬᠤᠭᠤᠴᠠᠭ᠎ᠠ ᠤᠷᠲᠤ; ᠵᠠᠭᠤᠴᠢᠯᠠᠭᠤᠷ ᠪᠠᠢ᠌ᠭᠤᠯᠤᠮᠵᠢ ᠵᠢᠨ ᠰᠦᠢ᠍ᠳᠬᠡᠯ ᠬᠤᠷᠢᠶᠠᠬᠤ᠎ᠳᠤ ᠬᠦᠴᠦᠨ ᠲᠡᠭᠦᠯᠳᠡᠷ ᠥᠷᠢᠰᠦᠯᠳᠦᠭᠡᠨ ᠪᠠᠢ᠌ᠬᠤ ᠦᠭᠡᠢ᠂ ᠵᠢᠭ᠋ᠠᠨ ᠲᠣᠭᠲᠠᠭᠰᠠᠨ ᠦᠢ᠍ᠯᠡᠴᠢᠯᠡᠭᠡ ᠪᠣᠯᠣᠨ ᠭᠠᠭᠴᠠᠭ᠋ᠠᠷ ᠡᠵᠡᠮᠰᠢᠨ ᠡᠵᠡᠩᠨᠡᠬᠥ ᠪᠠᠢ᠌ᠳᠠᠯ ᠠᠳᠠᠯᠢ ᠪᠣᠰᠤ ᠬᠡᠮᠵᠢᠶ᠎ᠡ᠎ᠪᠠᠷ ᠣᠷᠣᠰᠢᠵᠤ ᠪᠠᠢ᠌ᠬᠤ; ᠵᠠᠰᠠᠭ᠎ᠤᠨ ᠣᠷᠣᠨ᠎ᠤ ᠬᠡᠰᠡᠭ ᠪᠠᠢ᠌ᠭᠤᠯᠤᠮᠵᠢ ᠵᠣᠬᠢᠶᠠᠨ ᠪᠠᠢ᠌ᠭᠤᠯᠤᠯᠲᠠ ᠵᠢᠨ ᠡᠭᠦᠷᠭᠡ ᠴᠢᠳᠠᠪᠤᠷᠢ ᠵᠢᠨ ᠪᠠᠢ᠌ᠷᠢ᠎ᠨᠢ ᠪᠣᠷᠣᠭᠣᠳᠠᠵᠤ᠂ ᠠᠵᠤ ᠠᠬᠤᠢ᠌ᠯᠠᠯ᠎ᠤᠨ ᠬᠡᠪ᠎ᠤᠨ ᠦᠢ᠍ᠯᠡᠳᠪᠦᠷᠢᠯᠡᠯ ᠡᠵᠡᠩᠨᠡᠯᠲᠡ᠎ᠳᠤ ᠵᠠᠰᠠᠭ ᠵᠠᠬᠢᠷᠭ᠋ᠠᠨ᠎ᠤ ᠠᠷᠭ᠎ᠠ ᠠᠪᠴᠢᠯ ᠵᠶ᠋ᠠᠷ ᠭᠠᠷ ᠳᠥᠷᠥᠬᠥ ᠪᠣᠶᠤ ᠰᠢᠢ᠍ᠳᠪᠦᠷᠢᠯᠡᠨ ᠲᠣᠭᠲᠠᠭ᠋ᠠᠬᠤ; ᠬᠠᠦᠯᠢ ᠶᠣᠰᠤᠭ᠋ᠠᠷ ᠠᠵᠢᠯᠯᠠᠬᠤ ᠦᠭᠡᠢ᠂ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ᠂ ᠳᠤᠷ᠎ᠠ᠎ᠪᠠᠷ ᠵᠶ᠋ᠠᠨ ᠬᠢᠨᠠᠨ ᠪᠠᠢ᠌ᠴᠠᠭ᠋ᠠᠬᠤ᠂ ᠳᠤᠷ᠎ᠠ᠎ᠪᠠᠷ ᠵᠶ᠋ᠠᠨ ᠠᠳᠠᠯᠢᠳᠬᠠᠯ ᠬᠢᠬᠥ᠂ ᠳᠤᠷ᠎ᠠ᠎ᠪᠠᠷ ᠵᠶ᠋ᠠᠨ ᠲᠤᠰᠠᠯᠠᠮᠵᠢ ᠠᠪᠬᠤ ᠵᠡᠷᠭᠡ ᠦᠵᠡᠭᠳᠡᠯ ᠪᠠᠢ᠌ᠨ ᠪᠠᠢ᠌ᠨ ᠭᠠᠷᠴᠤ ᠪᠠᠢ᠌ᠨ᠎ᠠ ᠭᠡᠵᠦ ᠠᠵᠤ ᠠᠬᠤᠢ᠌ᠯᠠᠯ᠎ᠤᠳ ᠨᠡᠢ᠌ᠳᠡᠮ ᠲᠤᠰᠬᠠᠵᠤ ᠪᠠᠢ᠌ᠪᠠ᠃
      ᠡᠭᠦᠨ᠎ᠤ ᠬᠠᠮᠲᠤᠲᠠ᠂ ᠡᠨᠡ ᠵᠢᠯ᠎ᠤᠨ 4 ᠳ᠋ᠤᠭᠡᠷ ᠰᠠᠷ᠎ᠠ ᠵᠢᠨ 8᠎ᠤ ᠡᠳᠦᠷ ᠯᠢ ᠺᠸ ᠴᠢᠶᠠᠩ ᠶᠡᠷᠦᠩᠬᠡᠢ ᠰᠠᠢ᠌ᠳ ᠲᠥᠷᠥ ᠵᠢᠨ ᠶᠠᠪᠤᠳᠠᠯ᠎ᠤᠨ ᠬᠣᠷᠢᠶ᠎ᠡ ᠵᠢᠨ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠬᠠᠭ᠋ᠠᠰ ᠵᠢᠯ᠎ᠤᠨ ᠴᠠᠭ᠎ᠢ ᠲᠥᠪᠯᠡᠷᠡᠭᠦᠯᠦᠨ ᠲᠤᠰᠬᠠᠢ ᠠᠵᠢᠯᠯᠠᠭ᠎ᠠ ᠶᠠᠪᠤᠭᠤᠯᠵᠤ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠳᠤ ᠠᠪᠴᠤ ᠪᠠᠢ᠌ᠭ᠋ᠠᠳ ᠠᠵᠤ ᠠᠬᠤᠢ᠌ᠯᠠᠯ᠎ᠤᠨ ᠳᠠᠷᠤᠭ᠋ᠠᠰᠤ ᠵᠢ ᠬᠥᠩᠭᠡᠯᠡᠬᠥ ᠬᠡᠷᠡᠭᠲᠡᠢ ᠭᠡᠵᠥ ᠱᠠᠭ᠋ᠠᠷᠳᠠᠪᠠ᠃ ᠠᠵᠤ ᠠᠬᠤᠢ᠌ᠯᠠᠯ᠎ᠤᠨ ᠵᠢᠷᠤᠬᠡᠰᠢᠶᠠᠯ ᠪᠣᠯᠣᠨ ᠬᠦᠴᠢᠷᠳᠡᠯ᠎ᠢ ᠬᠠᠦᠯᠢ ᠶᠣᠰᠤᠭ᠋ᠠᠷ ᠬᠠᠪᠰᠤᠷᠤᠨ ᠠᠷᠢᠯᠭ᠋ᠠᠵᠤ᠂ ᠮᠠᠨ᠎ᠤ ᠣᠷᠣᠨ᠎ᠤ ᠠᠵᠤ ᠠᠬᠤᠢ᠌ᠯᠠᠯ᠎ᠤᠨ ᠬᠠᠦᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠬᠦᠴᠦᠯᠡᠴᠡ᠎ᠪᠠᠨ ᠶᠡᠬᠡᠰᠬᠡᠵᠦ᠂ ᠠᠵᠤ ᠠᠬᠤᠢ᠌ᠯᠠᠯ᠎ᠤᠨ ᠳᠤᠳᠤᠭ᠋ᠠᠳᠤᠬᠢ ᠳᠠᠯᠳᠠ ᠬᠦᠴᠦᠨ ᠪᠣᠯᠣᠨ ᠭᠠᠳᠠᠭ᠋ᠠᠳᠤᠬᠢ ᠠᠮᠢᠵᠢᠷᠠᠯ᠎ᠤᠨ ᠬᠦᠴᠦᠨ᠎ᠢ ᠣᠷᠭᠢᠯᠠᠭᠤᠯᠵᠤ᠂ ᠮᠠᠨ᠎ᠤ ᠣᠷᠣᠨ᠎ᠤ ᠪᠡᠯᠡ ᠣᠷᠤᠭᠤᠯᠤᠯᠲᠠ ᠪᠣᠯᠣᠨ ᠦᠢ᠍ᠡᠯᠳᠪᠦᠷᠢᠯᠡᠯ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠵᠢᠨ ᠲᠥᠯᠥᠭᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠡᠷᠬᠡ ᠠᠰᠢᠭ᠎ᠢ ᠬᠠᠮᠠᠭ᠋ᠠᠯᠠᠬᠤ ᠲᠣᠭᠲᠠᠭ᠋ᠠᠯ》 ᠪᠣᠢ ᠪᠣᠯᠵᠤ ᠮᠡᠨᠳᠦᠯᠡᠵᠡᠢ᠃
      ᠬᠦᠲᠦᠯᠦᠭᠴᠢ᠄
     《ᠠᠵᠤ ᠠᠬᠤᠢ᠌ᠯᠠᠯ᠎ᠤᠨ ᠡᠷᠬᠡ ᠠᠰᠢᠭ᠎ᠢ ᠬᠠᠮᠠᠭ᠋ᠠᠯᠠᠬᠤ ᠲᠣᠭᠲᠠᠭ᠋ᠠᠯ》᠎ᠨᠢ ᠶᠠᠮᠠᠷ ᠴᠢᠬᠤᠯᠠ ᠠᠴᠢ ᠬᠣᠯᠪᠣᠭᠳᠠᠯ᠎ᠲᠠᠢ ᠪᠣᠢ?
      ᠵᠠᠩ ᠪᠠᠢ ᠴᠸᠩ᠄
      ᠶᠡᠷᠦᠩᠭᠡᠢ᠎ᠳᠤ᠎ᠨᠢ ᠠᠪᠴᠤ ᠦᠵᠡᠪᠡᠯ᠂ 《ᠲᠣᠭᠲᠠᠭ᠋ᠠᠯ》 ᠭᠠᠷᠭ᠋ᠠᠬᠤ ᠪᠣᠯ ᠥᠭᠡᠷᠡᠴᠢᠯᠡᠯᠲᠡ ᠵᠢᠨ ᠠᠰᠢᠭ ᠲᠤᠰᠠ ᠵᠢ ᠢᠯᠡᠷᠡᠭᠦᠯᠬᠦ ᠬᠡᠷᠡᠭᠴᠡᠭᠡ ᠪᠣᠯᠬᠤ ᠪᠦᠭᠡᠳ ᠬᠠᠣᠯᠢᠵᠢᠯ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ ᠵᠢᠨ ᠬᠡᠷᠡᠭᠴᠡᠭᠡ ᠪᠣᠯᠣᠨ᠎ᠠ᠂ ᠮᠦᠨᠴᠦ ᠮᠠᠨ᠎ᠤ ᠣᠷᠣᠨ᠎ᠤ ᠣᠳᠣᠬᠢ ᠠᠵᠤ ᠠᠬᠤᠢ ᠵᠢᠨ ᠪᠠᠢ᠌ᠳᠠᠯ᠎ᠤᠨ ᠬᠥᠭᠵᠢᠯᠲᠡ ᠵᠢᠨ ᠬᠡᠷᠡᠭᠴᠡᠭᠡ ᠪᠣᠯᠣᠨ᠎ᠠ᠃ ᠪᠣᠳᠠᠲᠠᠢ᠎ᠪᠠᠷ ᠠᠪᠴᠤ ᠦᠵᠡᠪᠡᠯ᠂ ᠲᠡᠷᠡ᠎ᠨᠢ ᠳᠣᠣᠷᠠᠬᠢ ᠭᠣᠷᠪᠠᠨ ᠴᠢᠬᠤᠯᠠ ᠠᠴᠢ ᠬᠣᠯᠪᠣᠭᠳᠠᠯ᠎ᠢ ᠢᠯᠡᠷᠡᠭᠦᠯᠵᠡᠢ᠄ ᠨᠢᠭᠡ᠎ᠳᠤ ᠬᠠᠣᠯᠢ᠎ᠪᠠᠷ ᠵᠠᠰᠠᠬᠣ ᠪᠦᠲᠦᠭᠡᠨ ᠪᠠᠢ᠌ᠭᠤᠯᠤᠯᠲᠠ᠂ ᠤᠯᠤᠰ ᠵᠶ᠋ᠠᠨ ᠬᠠᠣᠯᠢ᠎ᠪᠠᠷ ᠵᠠᠰᠠᠬᠣ᠂ ᠣᠷᠣᠨ ᠵᠶ᠋ᠠᠨ ᠬᠠᠣᠯᠢ᠎ᠪᠠᠷ ᠵᠠᠰᠠᠬᠤ ᠵᠢ ᠲᠦᠷᠭᠡᠳᠬᠡᠨ ᠠᠬᠢᠭᠤᠯᠬᠤ ᠲᠣᠬᠠᠢ ᠨᠠᠮ᠎ᠤᠨ ᠲᠥᠪ ᠬᠣᠷᠢᠶ᠎ᠠ ᠪᠣᠯᠣᠨ ᠥᠪᠡᠷᠲᠡᠭᠡᠨ ᠵᠠᠰᠠᠬᠣ ᠣᠷᠣᠨ᠎ᠤ ᠨᠠᠮ᠎ᠤᠨ ᠬᠣᠷᠢᠶ᠎ᠠ ᠵᠢᠨ ᠱᠠᠭ᠋ᠠᠷᠳᠠᠯᠭ᠎ᠠ ᠵᠢ ᠢᠯᠡᠷᠡᠭᠦᠯᠪᠡ; ᠬᠣᠶᠠᠷ᠎ᠲᠤ 《ᠬᠠᠣᠯᠢᠵᠢᠯ ᠵᠠᠰᠠᠭ᠎ᠤᠨ ᠣᠷᠳᠣᠨ》 ᠪᠣᠯᠣᠨ ᠦᠢ᠍ᠯᠡᠴᠢᠯᠡᠬᠦ ᠬᠡᠯᠪᠡᠷᠢ ᠵᠢᠨ ᠵᠠᠰᠠᠭ᠎ᠤᠨ ᠣᠷᠳᠣᠨ᠎ᠤ ᠪᠦᠲᠦᠭᠡᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠲᠦᠯᠬᠢᠨ ᠠᠬᠢᠭᠤᠯᠬᠤ᠎ᠳᠤ ᠠᠰᠢᠭᠲᠠᠢ; ᠭᠤᠷᠪᠠ᠎ᠳᠤ ᠥᠷᠭᠡᠨ ᠣᠯᠠᠨ ᠠᠵᠤ ᠠᠬᠤᠢ᠌ᠯᠠᠯ᠎ᠤᠨ ᠡᠵᠡᠩᠨᠡᠭᠴᠢᠳ᠎ᠤᠨ ᠬᠦᠰᠡᠯ ᠱᠠᠭ᠋ᠠᠷᠳᠠᠯᠭ᠎ᠠ ᠪᠣᠯᠣᠨ ᠨᠡᠢ᠌ᠭᠡᠮ ᠨᠡᠢ᠌ᠲᠡ ᠵᠢᠨ ᠡᠷᠡᠮᠡᠯᠵᠡᠯ᠎ᠳᠤ ᠨᠡᠢ᠌ᠴᠡᠭᠰᠡᠨ ᠪᠠᠢ᠌ᠨ᠎ᠠ᠃
      ᠬᠦᠲᠦᠯᠦᠭᠴᠢ᠄
      ᠲᠠ 《ᠲᠣᠭᠲᠠᠭ᠋ᠠᠯ》᠎ᠤᠨ ᠠᠭᠤᠯᠭ᠎ᠠ᠎ᠨᠤᠭᠤᠳ ᠪᠠ ᠠᠵᠢᠯ᠎ᠤᠨ ᠭᠣᠣᠯᠳᠠᠯᠭ᠎ᠠ ᠵᠢ ᠳᠦᠭᠦᠮᠬᠡᠨ ᠲᠣᠲᠤᠷᠬᠠᠢ᠌ᠯᠠᠭ᠋ᠠᠳ ᠥᠭᠭᠦᠨ᠎ᠡ ᠤᠤ?
      ᠵᠠᠩ ᠪᠠᠢ ᠴᠸᠩ᠄
     《ᠲᠣᠭᠲᠠᠭ᠋ᠠᠯ》᠎ᠤᠨ ᠠᠭᠤᠯᠭ᠎ᠠ᠎ᠨᠢ ᠨᠡᠢ᠌ᠲᠡ 25 ᠵᠦᠢ᠍ᠯ᠂ ᠭᠣᠣᠯᠳᠠᠭᠤ ᠠᠵᠤ ᠠᠬᠤᠢ᠌ᠯᠠᠯ᠎ᠤᠨ ᠡᠭᠦᠷᠭᠡᠯᠡᠬᠦ ᠶᠣᠰᠣ᠎ᠲᠠᠢ ᠨᠡᠢ᠌ᠭᠡᠮ᠎ᠤᠨ ᠬᠠᠷᠢᠭᠤᠴᠠᠯᠭ᠎ᠠ ᠬᠢᠭᠡᠳ ᠡᠭᠦᠷᠭᠡ᠂ ᠠᠵᠤ ᠠᠬᠤᠢ᠌ᠯᠠᠯ᠎ᠤᠨ ᠡᠷᠬᠡ ᠠᠰᠢᠭ᠎ᠢ ᠬᠠᠮᠠᠭ᠋ᠠᠯᠠᠬᠤ ᠪᠡᠶᠡᠴᠢ ᠴᠣᠭᠴᠠ ᠪᠠ ᠬᠠᠮᠢᠶ᠎ᠠ ᠪᠦᠬᠦᠢ ᠪᠠᠢ᠌ᠭᠤᠯᠤᠮᠵᠢ ᠵᠢᠨ ᠡᠭᠦᠷᠭᠡ ᠬᠠᠷᠢᠭᠤᠴᠠᠯᠭ᠎ᠠ᠂ ᠬᠠᠮᠠᠭ᠋ᠠᠯᠠᠬᠤ ᠠᠷᠭ᠎ᠠ ᠬᠡᠮᠵᠢᠶ᠎ᠡ᠂ ᠬᠠᠣᠯᠢ ᠴᠠᠭ᠋ᠠᠵᠠ ᠵᠢᠨ ᠬᠠᠷᠢᠭᠤᠴᠠᠯᠭ᠎ᠠ ᠵᠡᠷᠭᠡ ᠠᠭᠤᠯᠭ᠎ᠠ ᠵᠢ ᠲᠣᠭᠲᠠᠭ᠋ᠠᠪᠠ᠃ ᠲᠣᠭᠲᠠᠭ᠋ᠠᠯ᠎ᠢ ᠲᠤᠭᠤᠷᠪᠢᠨ ᠪᠢᠴᠢᠬᠦ ᠶᠠᠪᠤᠴᠠ᠎ᠳᠤ᠂ ᠬᠠᠷᠢᠶᠠᠯᠠᠬᠤ ᠬᠠᠣᠯᠢ ᠵᠢ ᠬᠠᠷᠢᠯᠴᠠᠨ ᠨᠢᠭᠡᠳᠦᠯᠲᠡᠢ ᠪᠠᠢ᠌ᠯᠭ᠋ᠠᠬᠤ ᠮᠦᠷᠲᠡᠭᠡᠨ ᠳᠦᠷᠢᠮ ᠲᠣᠭᠲᠠᠭ᠋ᠠᠯ᠎ᠤᠨ ᠰᠢᠨ᠎ᠡ ᠵᠢ ᠡᠭᠦᠳᠴᠦ᠂ ᠥᠪᠡᠷᠲᠡᠭᠡᠨ ᠵᠠᠰᠠᠬᠣ ᠣᠷᠣᠨ᠎ᠤ ᠣᠷᠣᠨ ᠨᠤᠲᠤᠭ᠎ᠤᠨ ᠣᠨᠴᠠᠯᠢᠭ᠎ᠢ ᠢᠯᠡᠷᠡᠭᠦᠯᠬᠦ ᠵᠠᠷᠴᠢᠮ᠎ᠢ ᠪᠠᠷᠢᠮᠲᠠᠯᠠᠵᠤ᠂ ᠦᠢ᠍ᠯᠡᠳᠦᠯᠭᠡ ᠵᠢᠨ ᠲᠤᠷᠰᠢᠯᠭ᠎ᠠ᠎ᠪᠠᠨ ᠬᠢᠨᠠᠮᠠᠭ᠋ᠠᠢ᠎ᠪᠠᠷ ᠳ᠋ᠦᠩᠨᠡᠵᠦ᠂ ᠠᠵᠤ ᠠᠬᠤᠢ᠌ᠯᠠᠯ᠎ᠤᠨ ᠡᠷᠬᠡ ᠠᠰᠢᠭ᠎ᠢ ᠬᠠᠮᠠᠭ᠋ᠠᠯᠠᠬᠤ ᠠᠵᠢᠯ᠎ᠳᠤ ᠣᠷᠣᠰᠢᠵᠤ   ᠪᠠᠢ᠌ᠭ᠎ᠠ ᠳᠣᠪᠤᠢ᠌ᠮ᠎ᠠ ᠠᠰᠠᠭᠤᠳᠠᠯ᠎ᠤᠳ᠎ᠢ ᠡᠷᠢᠨ ᠵᠦᠢ᠍ᠴᠢᠯᠡᠵᠦ᠂ ᠠᠰᠠᠭᠤᠳᠠᠯ᠎ᠢ ᠰᠢᠢ᠍ᠳᠪᠦᠷᠢᠯᠡᠬᠦ ᠠᠷᠭ᠎ᠠ ᠬᠡᠮᠵᠢᠶ᠎ᠡ᠎ᠨᠦᠭᠦᠳ᠎ᠢ ᠳᠤᠷᠠᠳᠴᠠᠢ᠃ ᠬᠠᠷᠢᠶᠠᠯᠠᠬᠤ ᠬᠠᠣᠯᠢ᠎ᠳᠤ ᠨᠢᠭᠡᠨᠲᠡ ᠲᠤᠲᠤᠷᠬᠠᠢ ᠲᠣᠭᠲᠠᠭ᠋ᠠᠭᠰᠠᠨ ᠠᠭᠤᠯᠭ᠎ᠠ ᠵᠢ 《ᠲᠣᠭᠲᠠᠭ᠋ᠠᠯ》᠎ᠳᠤ ᠳᠠᠪᠬᠤᠴᠠᠨ ᠲᠣᠭᠲᠠᠭ᠋ᠠᠭᠰᠠᠨ ᠦᠭᠡᠢ᠂ ᠭᠣᠣᠯᠳᠠᠭᠤ ᠲᠦᠷᠥ᠎ᠠᠴᠠ ᠲᠤᠲᠤᠷᠬᠠᠢ ᠲᠣᠭᠲᠠᠭ᠋ᠠᠭᠰᠠᠨ ᠦᠭᠡᠢ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠪᠣᠯᠣᠨ ᠬᠣᠯᠪᠣᠭᠳᠠᠯ ᠪᠦᠬᠦᠢ ᠰᠠᠯᠠᠭ᠎ᠠ ᠮᠦᠴᠢᠷ᠎ᠤᠨ ᠡᠭᠦᠷᠭᠡ ᠬᠠᠷᠢᠭᠤᠴᠠᠯᠭ᠎ᠠ᠂ ᠵᠠᠭᠤᠴᠢᠯᠠᠭᠤᠷ ᠪᠠᠢ᠌ᠭᠤᠯᠤᠮᠵᠢ᠂ ᠠᠵᠢᠯ ᠲᠥᠷᠥᠯ᠎ᠤᠨ ᠨᠡᠢ᠌ᠭᠡᠮᠯᠢᠭ ᠵᠡᠷᠭᠡ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ ᠵᠢᠴᠢ ᠠᠵᠤ ᠠᠬᠤᠢ᠌ᠯᠠᠯ᠎ᠤᠨ ᠡᠷᠬᠡ ᠠᠰᠢᠭ᠎ᠲᠤ ᠬᠠᠯᠳᠠᠬᠤ ᠵᠡᠷᠭᠡ ᠨᠡᠯᠢᠶᠡᠳ ᠲᠥᠪᠯᠡᠷᠡᠩᠭᠦᠢ ᠣᠷᠤᠰᠢᠵᠤ ᠪᠠᠢ᠌ᠭ᠎ᠠ ᠵᠠᠰᠠᠭ ᠵᠠᠬᠢᠷᠭ᠋ᠠᠨ᠎ᠤ ᠰᠦᠢ᠍ᠳᠬᠡᠯ ᠬᠤᠷᠢᠶᠠᠬᠤ᠂ ᠰᠢᠯᠭ᠋ᠠᠨ ᠪᠠᠢ᠌ᠴᠠᠭ᠋ᠠᠬᠤ᠂ ᠬᠠᠣᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠬᠢᠬᠦ᠂ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠬᠤ ᠮᠡᠲᠦ ᠵᠢᠨ ᠭᠣᠣᠯᠳᠠᠯᠭ᠎ᠠ᠎ᠲᠠᠢ ᠬᠦᠷᠢᠶ᠎ᠡ᠎ᠨᠦᠭᠦᠳ᠎ᠢ ᠵᠢᠷᠤᠮᠵᠢᠭᠤᠯᠤᠭᠰᠠᠨ ᠪᠠᠢ᠌ᠨ᠎ᠠ᠃
      ᠬᠦᠲᠦᠯᠦᠭᠴᠢ᠄
     《ᠲᠣᠭᠲᠠᠭ᠋ᠠᠯ》᠎ᠳᠤ ᠵᠠᠰᠠᠭ ᠵᠠᠬᠢᠷᠭ᠋ᠠᠨ᠎ᠤ ᠪᠡᠶᠡᠴᠢ ᠴᠣᠭᠴᠠ ᠵᠢᠨ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ?
      ᠵᠠᠩ ᠪᠠᠢ ᠴᠸᠩ᠄
      ᠭᠣᠣᠯᠳᠠᠭᠤ ᠳᠥᠷᠪᠡᠨ ᠠᠷᠭ᠎ᠠ ᠬᠡᠮᠵᠢᠶ᠎ᠡ ᠠᠪᠴᠠᠢ᠄ ᠨᠢᠭᠡ᠎ᠳᠤ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠶᠠᠪᠤᠭᠤᠯᠵᠤ ᠪᠠᠢ᠌ᠭ᠎ᠠ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠵᠠᠰᠠᠭ ᠵᠠᠬᠢᠷᠭ᠋ᠠᠨ᠎ᠤ ᠰᠦᠢ᠍ᠳᠬᠡᠯ ᠬᠣᠷᠢᠶᠠᠬᠤ᠂ ᠬᠠᠣᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠬᠢᠬᠦ ᠵᠡᠷᠭᠡ ᠵᠠᠰᠠᠭ ᠵᠠᠬᠢᠷᠭ᠋ᠠᠨ᠎ᠤ ᠦᠢ᠍ᠯᠡ ᠠᠵᠢᠯᠯᠠᠭ᠎ᠠ᠎ᠳᠠᠬᠢ ᠵᠣᠬᠢᠰ ᠦᠭᠡᠢ ᠦᠢ᠍ᠯᠡᠳᠬᠦᠢ᠂ ᠬᠠᠣᠯᠢ ᠵᠦᠷᠢᠴᠡᠭᠰᠡᠨ ᠦᠢ᠍ᠯᠡᠳᠬᠦᠢ ᠵᠢ ᠰᠡᠷᠭᠡᠢ᠌ᠯᠡᠬᠦ ᠠᠷᠭ᠎ᠠ ᠬᠡᠮᠵᠢᠶ᠎ᠡ ᠲᠣᠭᠲᠠᠭ᠋ᠠᠵᠠᠢ᠃ ᠬᠣᠶᠠᠷ᠎ᠲᠤ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠠᠴᠠ ᠠᠵᠤ ᠠᠬᠤᠢ᠌ᠯᠠᠯ᠎ᠳᠤ ᠵᠠᠰᠠᠭ ᠵᠠᠬᠢᠷᠭ᠋ᠠᠨ᠎ᠤ ᠲᠣᠷᠭ᠋ᠠᠭᠤᠯᠢ ᠥᠭᠬᠦ ᠪᠠ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠬᠤ᠎ᠳᠤ᠎ᠪᠠᠨ ᠬᠠᠣᠯᠢ᠎ᠪᠠᠷ ᠲᠣᠭᠲᠠᠭ᠋ᠠᠭᠰᠠᠨ ᠡᠷᠬᠡ ᠮᠡᠳᠡᠯ᠂ ᠵᠢᠷᠤᠮ᠎ᠤᠨ ᠶᠤᠰᠣ᠎ᠪᠠᠷ ᠶᠠᠪᠤᠭᠤᠯᠬᠤ ᠶᠣᠰᠤᠲᠠᠢ᠃ ᠭᠤᠷᠪᠠ᠎ᠳᠤ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠠᠰᠠᠭ ᠵᠠᠬᠢᠷᠭ᠋ᠠᠨ᠎ᠤ ᠬᠠᠮᠢᠶᠠᠷᠤᠯᠲᠠ᠎ᠳᠤ᠎ᠪᠠᠨ ᠵᠢᠱ᠌ᠢᠶ᠎ᠡ ᠦᠵᠡᠭᠦᠯᠬᠦ᠂ ᠨᠡᠢ᠌ᠲᠡ᠎ᠳᠤ ᠵᠠᠷᠯᠠᠬᠤ᠂ ᠢᠳᠬᠠᠨ ᠴᠡᠭᠡᠷᠯᠡᠭᠦᠯᠬᠦ᠂ ᠪᠣᠯᠵᠣᠨ ᠶᠠᠷᠢᠯᠴᠠᠬᠤ ᠵᠡᠷᠭᠡ ᠬᠡᠯᠪᠡᠷᠢ ᠵᠢ ᠭᠣᠣᠯᠴᠢᠯᠠᠨ ᠬᠡᠷᠡᠭᠯᠡᠵᠦ᠂ ᠠᠵᠤ ᠠᠬᠤᠢ᠌ᠯᠠᠯ᠎ᠢ ᠰᠤᠷᠭ᠋ᠠᠨ ᠬᠦᠮᠦᠵᠢᠭᠦᠯᠦᠨ᠂ ᠬᠦᠲᠦᠯᠦᠨ ᠵᠢᠯᠣᠭᠣᠳᠴᠦ᠂ ᠰᠢᠮᠳᠠᠭᠤᠯᠤᠨ ᠬᠠᠣᠯᠢ᠎ᠠᠴᠠ ᠵᠦᠷᠢᠴᠡᠬᠦ ᠦᠢ᠍ᠯᠡ ᠠᠵᠢᠯᠯᠠᠭ᠎ᠠ᠎ᠪᠠᠨ ᠤᠬᠠᠮᠰᠠᠷ᠎ᠠᠴᠠ᠎ᠪᠠᠨ ᠵᠠᠯᠠᠷᠠᠭᠤᠯᠬᠤ ᠶᠤᠰᠤᠲᠠᠢ᠃ ᠳᠥᠷᠪᠡ᠎ᠳᠤ ᠠᠵᠤ ᠠᠬᠤᠢ᠌ᠯᠠᠯ᠎ᠠᠴᠠ ᠨᠡᠯᠢᠶᠡᠳ ᠲᠥᠪᠯᠡᠷᠡᠯ᠎ᠲᠠᠢ ᠲᠤᠰᠬᠠᠵᠤ ᠪᠠᠢ᠌ᠭ᠎ᠠ ᠠᠵᠤ ᠠᠬᠤᠢ᠌ᠯᠠᠯ᠎ᠤᠳ᠎ᠢ ᠠᠯᠪᠠᠳᠠᠬᠤ ᠶᠤᠮ ᠤᠤ ᠡᠰᠡᠬᠦᠯ᠎ᠡ ᠬᠡᠯᠪᠡᠷᠢ ᠵᠢ᠎ᠨᠢ ᠥᠭᠡᠷᠡᠲᠡᠭᠦᠯᠦᠨ ᠠᠯᠪᠠᠳᠠᠵᠤ ᠪᠠᠢ᠌ᠭ᠋ᠠᠳ ᠠᠳᠠᠯᠢᠳᠬᠠᠯ᠎ᠳᠤ ᠣᠷᠣᠯᠴᠠᠭᠤᠯᠬᠤ᠂ ᠲᠡᠷᠡᠴᠢᠯᠡᠨ ᠰᠦᠢ᠍ᠳᠬᠡᠯ ᠬᠤᠷᠢᠶᠠᠬᠤ ᠮᠡᠲᠦ ᠵᠢᠨ ᠠᠵᠤ ᠠᠬᠤᠢ᠌ᠯᠠᠯ᠎ᠤᠨ ᠬᠠᠣᠯᠢ ᠶᠣᠰᠤᠨ᠎ᠤ ᠡᠷᠬᠡ ᠠᠰᠢᠭ᠎ᠲᠤ ᠬᠠᠯᠳᠠᠬᠤ ᠦᠢ᠍ᠯᠡ ᠠᠵᠢᠯᠯᠠᠭ᠎ᠠ ᠵᠢ 《ᠲᠣᠭᠲᠠᠭ᠋ᠠᠯ》᠎ᠤᠨ ᠠᠷᠪᠠᠨ ᠨᠠᠢ᠍ᠮᠠᠳᠤᠭ᠋ᠠᠷ ᠵᠦᠢ᠍ᠯ᠂ ᠠᠷᠪᠠ ᠶᠢᠰᠦᠳᠦᠭᠡᠷ ᠵᠦᠢ᠍ᠯ᠎ᠳᠤ ᠴᠠᠭ᠋ᠠᠵᠠᠯᠠᠬᠤ ᠴᠢᠨᠠᠷᠲᠠᠢ ᠱᠠᠭ᠋ᠠᠷᠳᠠᠯᠭ᠎ᠠ ᠲᠣᠭᠲᠠᠭ᠋ᠠᠭᠰᠠᠨ ᠪᠣᠯᠬᠣᠷ ᠡᠨᠳᠡ ᠨᠠᠷᠢᠨ ᠶᠠᠷᠢᠬᠤ ᠦᠭᠡᠢ᠃
      ᠬᠦᠲᠦᠯᠦᠭᠴᠢ᠄
     《ᠲᠣᠭᠲᠠᠭ᠋ᠠᠯ》᠎ᠳᠤ ᠠᠵᠢᠯ ᠲᠥᠷᠥᠯ᠎ᠤᠨ ᠨᠡᠢ᠌ᠭᠡᠮᠯᠢᠭ ᠪᠣᠯᠣᠨ ᠰᠣᠨᠢᠨ ᠮᠡᠳᠡᠭᠡᠨ᠎ᠤ ᠵᠠᠭᠤᠴᠢᠯᠠᠭᠤᠷ᠎ᠤᠨ᠎ᠬᠢᠨ ᠦᠢ᠍ᠯᠡᠳᠦᠯ ᠵᠶ᠋ᠡᠨ ᠬᠡᠷᠬᠢᠨ ᠢᠳᠡᠪᠬᠢᠲᠡᠢ ᠪᠠᠳᠠᠷᠠᠭᠤᠯᠬᠤ ᠲᠠᠯ᠎ᠠ᠎ᠪᠠᠷ ᠶᠠᠮᠠᠷ ᠶᠠᠮᠠᠷ ᠱᠠᠭ᠋ᠠᠷᠳᠠᠯᠭ᠎ᠠ ᠳᠤᠷᠠᠳᠤᠭᠰᠠᠨ ᠪᠣᠢ?
      ᠵᠠᠩ ᠪᠠᠢ ᠴᠸᠩ᠄
      ᠠᠵᠤ ᠠᠬᠤᠢ᠌ᠯᠠᠯ᠎ᠤᠨ ᠡᠷᠬᠡ ᠠᠰᠢᠭ᠎ᠢ ᠬᠠᠮᠠᠭ᠋ᠠᠯᠠᠬᠤ ᠠᠵᠢᠯ᠎ᠳᠤ ᠬᠣᠯᠪᠣᠭᠳᠠᠯ ᠪᠦᠬᠦᠢ ᠠᠵᠢᠯ ᠲᠥᠷᠥᠯ᠎ᠤᠨ ᠨᠡᠢ᠌ᠭᠡᠮᠯᠢᠭ ᠪᠣᠯᠣᠨ ᠰᠣᠨᠢᠨ ᠮᠡᠳᠡᠭᠡᠨ᠎ᠤ ᠵᠠᠭᠤᠴᠢᠯᠠᠭᠤᠷ᠎ᠤᠨ᠎ᠬᠢᠨ ᠢᠳᠡᠪᠬᠢᠲᠡᠢ ᠣᠷᠣᠯᠴᠠᠬᠤ ᠶᠠᠪᠤᠳᠠᠯ ᠱᠠᠭ᠋ᠠᠷᠳᠠᠨ᠎ᠠ᠃ ᠲᠡᠳᠡᠨ᠎ᠤ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠬᠤ ᠵᠢᠨ ᠲᠤᠰᠠᠳᠠ᠂ ᠡᠯ᠎ᠡ ᠠᠵᠢᠯ ᠲᠥᠷᠥᠯ᠎ᠤᠨ ᠨᠡᠢ᠌ᠭᠡᠮᠯᠢᠭ  (ᠬᠤᠳᠠᠯᠳᠤᠭ᠋ᠠᠴᠢᠨ᠎ᠤ ᠡᠪᠯᠡᠯ) ᠪᠣᠯᠣᠨ ᠰᠣᠨᠢᠨ ᠮᠡᠳᠡᠭᠡᠨ᠎ᠤ ᠵᠠᠭᠤᠴᠢᠯᠠᠭᠤᠷ᠎ᠤᠳ ᠥᠪᠡᠷ᠎ᠤᠨ ᠦᠢ᠍ᠯᠡ ᠠᠵᠢᠯᠯᠠᠭ᠎ᠠ᠎ᠪᠠᠨ ᠬᠠᠣᠯᠢ ᠶᠤᠰᠣ᠎ᠪᠠᠷ ᠵᠢᠷᠤᠮᠵᠢᠭᠤᠯᠬᠤ ᠬᠡᠷᠡᠭᠲᠡᠢ᠃ ᠨᠢᠭᠡ᠎ᠳᠤ ᠠᠵᠢᠯ ᠲᠥᠷᠥᠯ᠎ᠤᠨ ᠨᠡᠢ᠌ᠭᠡᠮᠯᠢᠭ᠎ᠤᠳ ᠬᠠᠣᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠣᠯᠢ ᠲᠣᠭᠲᠠᠭ᠋ᠠᠯ᠎ᠤᠨ ᠦᠨᠳᠦᠰᠦᠯᠡᠯ ᠦᠭᠡᠢ᠎ᠪᠠᠷ ᠠᠵᠤ ᠠᠬᠤᠢ᠌ᠯᠠᠯ᠎ᠢ ᠨᠡᠢ᠌ᠭᠡᠮᠯᠢᠭ᠎ᠲᠡᠭᠡᠨ ᠠᠯᠪᠠᠳᠠᠨ ᠣᠷᠣᠭᠤᠯᠬᠤ ᠪᠣᠶᠣ ᠬᠡᠯᠪᠡᠷᠢ ᠵᠢ᠎ᠨᠢ ᠥᠭᠡᠷᠡᠲᠡᠭᠦᠯᠦᠨ ᠠᠯᠪᠠᠳᠠᠨ ᠣᠷᠣᠭᠤᠯᠵᠤ ᠪᠣᠯᠬᠤ ᠦᠭᠡᠢ; ᠨᠡᠢ᠌ᠭᠡᠮᠯᠢᠭ᠎ᠤᠨ ᠰᠦᠢ᠍ᠳᠬᠡᠯ ᠬᠤᠷᠢᠶᠠᠬᠤ ᠪᠠᠷᠢᠮᠵᠢᠶ᠎ᠠ ᠲᠣᠭᠲᠠᠭ᠋ᠠᠬᠤ ᠪᠣᠶᠣ ᠲᠣᠬᠢᠷᠠᠭᠤᠯᠤᠯᠲᠠ ᠬᠢᠬᠦ᠎ᠳᠡᠭᠡᠨ ᠤᠯᠤᠰ᠎ᠠᠴᠠ ᠲᠣᠭᠲᠠᠭ᠋ᠠᠭᠰᠠᠨ ᠵᠢᠷᠦᠮ ᠪᠣᠯᠣᠨ ᠱᠠᠭ᠋ᠠᠷᠳᠠᠯᠭ᠎ᠠ ᠶᠣᠰᠣ᠎ᠪᠠᠷ ᠬᠡᠷᠡᠭᠵᠢᠭᠦᠯᠬᠦ ᠬᠡᠷᠡᠭᠲᠡᠢ; ᠬᠣᠶᠠᠷ᠎ᠲᠤ ᠰᠣᠨᠢᠨ ᠮᠡᠳᠡᠭᠡᠨ᠎ᠤ ᠵᠠᠭᠤᠴᠢᠯᠠᠭᠤᠷ᠎ᠤᠳ ᠠᠵᠤ ᠠᠬᠤᠢ᠌ᠯᠠᠯ᠎ᠳᠤ ᠬᠣᠯᠪᠣᠭᠳᠠᠬᠤ ᠮᠡᠳᠡᠭᠡ᠎ᠪᠠᠨ ᠪᠤᠰᠤᠳᠴᠢ ᠪᠦᠭᠡᠳ ᠦᠨᠡᠨ ᠪᠣᠳᠠᠲᠠᠢ᠂ ᠲᠥᠪ ᠭᠤᠤᠯᠴᠢ᠎ᠪᠠᠷ ᠮᠡᠳᠡᠭᠡᠯᠡᠬᠦ ᠬᠡᠷᠡᠭᠲᠡᠢ᠂ ᠪᠤᠳᠠᠳᠤ ᠶᠠᠪᠤᠳᠠᠯ᠎ᠢ ᠦᠰᠬᠡᠬᠦ ᠪᠤᠶᠤ ᠬᠤᠳᠠᠯ ᠬᠠᠭᠤᠷᠮᠠᠭ ᠵᠶ᠋ᠠᠷ ᠮᠡᠳᠡᠭᠡᠯᠡᠵᠦ ᠪᠣᠯᠬᠤ ᠦᠭᠡᠢ᠂ ᠰᠦᠬᠡᠷᠬᠦ ᠮᠡᠳᠡᠭᠡ ᠵᠠᠩᠭᠢ ᠵᠢ ᠯᠡᠪᠡᠷᠡᠭᠦᠯᠬᠦ᠎ᠪᠠᠷ ᠠᠶᠤᠯᠭ᠋ᠠᠨ ᠠᠵᠤ ᠠᠬᠤᠢ᠌ᠯᠠᠯ᠎ᠠᠴᠠ ᠡᠳ᠋ ᠪᠤᠳᠠᠰ ᠪᠤᠶᠤ ᠪᠤᠰᠤᠳ ᠠᠰᠢᠭ ᠲᠤᠰᠠ ᠬᠢᠨᠠᠨ ᠱᠤᠯᠤᠵᠤ ᠪᠣᠯᠬᠤ ᠦᠭᠡᠢ  ᠃
      ᠬᠦᠲᠦᠯᠦᠭᠴᠢ᠄
      ᠵᠠ᠂ ᠵᠠᠩ ᠡᠷᠬᠢᠯᠡᠭᠴᠢ ᠵᠢᠨ ᠲᠠᠢ᠌ᠯᠪᠤᠷᠢᠯᠠᠭᠰᠠᠨ᠎ᠳᠤ ᠲᠠᠯᠠᠷᠬᠠᠵᠤ ᠪᠠᠢ᠌ᠨ᠎ᠠ᠃ 《ᠲᠤᠭᠲᠠᠭ᠋ᠠᠯ》 ᠭᠠᠷᠭ᠋ᠠᠭᠰᠠᠨ᠎ᠨᠢ᠂ ᠶᠠᠭ ᠮᠠᠨ᠎ᠤ ᠡᠷᠡᠮᠡᠯᠵᠡᠯᠡᠭᠰᠡᠨ ᠰᠢᠭ ᠠᠵᠤ ᠠᠬᠤᠢ᠌ᠯᠠᠯ᠎ᠤᠨ ᠳᠠᠷᠤᠭ᠋ᠠᠰᠤ ᠵᠢ ᠦᠨᠡᠨ ᠬᠦ᠌ ᠬᠦᠩᠭᠡᠯᠡᠵᠦ᠂ ᠮᠠᠨ᠎ᠤ ᠣᠷᠣᠨ᠎ᠤ ᠠᠵᠤ ᠠᠬᠤᠢ᠌ᠯᠠᠯ᠎ᠤᠨ ᠬᠠᠣᠯᠢ ᠶᠣᠰᠣᠨ᠎ᠤ ᠡᠵᠡᠩᠨᠡᠯᠲᠡ ᠵᠢ ᠲᠤᠯᠭ᠋ᠠᠭᠤᠷᠢᠯᠠᠬᠤ 《ᠬᠠᠮᠠᠭ᠋ᠠᠯᠠᠯᠲᠠ ᠵᠢᠨ ᠰᠢᠬᠦᠷ》 ᠪᠣᠯᠬᠤ ᠵᠢ ᠢᠲᠡᠭᠡᠵᠦ ᠪᠠᠢ᠌ᠨ᠎ᠠ! ᠵᠠᠩ ᠡᠷᠬᠢᠯᠡᠭᠴᠢ ᠮᠠᠨ᠎ᠤ ᠰᠦᠯᠵᠢᠶᠡᠨ᠎ᠳᠤ ᠢᠷᠡᠭᠰᠡᠨ᠎ᠳᠤ ᠳᠠᠬᠢᠨ ᠲᠠᠯᠠᠷᠬᠠᠵᠤ ᠪᠠᠢ᠌ᠨ᠎ᠠ᠂ ᠮᠦᠨᠴᠦ ᠰᠦᠯᠵᠢᠶᠡᠨ ᠠᠨᠳᠠ ᠨᠠᠷ᠎ᠤᠨ ᠣᠷᠤᠯᠴᠠᠭᠰᠠᠨ᠎ᠳᠤ ᠲᠠᠯᠠᠷᠬᠠᠵᠤ ᠪᠠᠢ᠌ᠨ᠎ᠠ᠂ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠲᠡᠭᠦᠰᠦᠯ᠎ᠡ᠂ ᠳᠠᠷᠠᠭ᠋ᠠᠴᠢ ᠵᠢᠨ ᠫᠷᠦᠭᠷᠡᠮ᠎ᠳᠤ ᠪᠠᠶᠠᠷᠲᠠᠢ ᠵᠣᠯᠭ᠋ᠠᠶ᠎ᠠ!


ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
《〈ᠢᠨᠲᠸᠷ ᠰᠦᠯᠵᠢᠶ᠎ᠡ +〉 ᠠᠵᠢᠯ᠎ᠢ ᠲᠥᠷᠭᠡᠳᠬᠡᠨ ᠠᠬᠢᠭᠤᠯᠬᠤ ᠲᠤᠬᠠᠢ ᠵᠢᠯᠣᠭᠣᠳᠬᠤ ᠰᠠᠨᠠᠯ》᠎ᠤᠨ ᠲᠠᠢ᠌ᠯᠤᠮᠵᠢ
ᠥᠪᠥᠷ ᠮᠣᠩᠭᠣᠯ᠎ᠤᠨ ᠳᠡᠭᠡᠷ᠎ᠡ ᠬᠠᠭ᠋ᠠᠰ ᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢᠨ ᠠᠯᠬᠣᠴᠠ ᠯᠠᠪᠳᠠᠭᠤᠨ ᠪᠠᠲᠤᠲᠠᠶ ᠪᠤᠯᠪᠠ
ᠳᠡᠭᠡᠷ᠎ᠡ ᠬᠠᠭ᠋ᠠᠰ ᠵᠢᠯ᠎ᠳᠤ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠠᠳᠠᠯᠢ ᠬᠤᠭᠤᠴᠠᠭ᠋ᠠᠨ᠎ᠤ᠎ᠬᠢ᠎ᠠᠴᠠ 9.6% ᠨᠡᠮᠡᠭᠳᠡᠪᠡ
ᠥᠪᠥᠷ ᠮᠣᠩᠭᠣᠯ ᠲᠥᠪ᠎ᠤᠨ ᠨᠠᠢᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠵᠥᠷᠢᠴᠡᠭᠰᠡᠨ 369 ᠠᠰᠠᠭᠤᠳᠠᠯ᠎ᠢ ᠪᠠᠢ᠌ᠴᠠᠭ᠋ᠠᠨ ᠰᠢᠢᠳᠪᠦᠷᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠳᠥᠷᠪᠡᠳᠦᠭᠡᠷ ᠬᠤᠷᠠᠯ 23᠎ᠤ ᠡᠳᠦᠷ᠎ᠠᠴᠠ ᠡᠬᠢᠯᠡᠨ ᠬᠤᠷᠠᠯᠳᠤᠨ᠎ᠠ
 
            