ᠰᠤᠷᠪᠤᠯᠵᠢᠯᠠᠭᠰᠠᠨ ᠴᠠᠭ᠄ 2015 ᠣᠨ᠎ᠤ 8 ᠳ᠋ᠤᠭ᠋ᠠᠷ ᠰᠠᠷ᠎ᠠ ᠵᠢᠨ 19᠎ᠤ ᠡᠳᠦᠷ᠎ᠤᠨ 10 ᠴᠠᠭ
ᠰᠤᠷᠪᠤᠯᠵᠢᠯᠠᠭᠰᠠᠨ ᠵᠣᠴᠢᠨ᠄ ᠦᠪᠡᠷᠲᠡᠭᠡᠨ ᠵᠠᠰᠠᠬᠤ ᠤᠷᠤᠨ᠎ᠤ ᠠᠵᠤ ᠠᠬᠤᠢ ᠮᠡᠳᠡᠭᠡ ᠵᠠᠩᠭᠢᠵᠢᠯ᠎ᠤᠨ ᠵᠦᠪᠯᠡᠯ ᠵᠢᠨ ᠳᠡᠳ᠋ ᠡᠷᠬᠢᠯᠡᠭᠴᠢ ᠵᠠᠩ ᠪᠠᠢ ᠴᠸᠩ
ᠰᠤᠷᠪᠤᠯᠵᠢᠯᠠᠭᠰᠠᠨ ᠲᠣᠪᠴᠢ ᠲᠠᠨᠢᠯᠴᠠᠭᠤᠯᠭ᠎ᠠ᠄
《〈ᠢᠨᠲᠸᠷ ᠰᠦᠯᠵᠢᠶ᠎ᠡ +〉 ᠠᠵᠢᠯ᠎ᠢ ᠲᠥᠷᠭᠡᠳᠬᠡᠨ ᠠᠬᠢᠭᠤᠯᠬᠤ ᠲᠤᠬᠠᠢ ᠵᠢᠯᠣᠭᠣᠳᠬᠤ ᠰᠠᠨᠠᠯ》 (ᠳᠣᠷᠣᠭᠰᠢ 《ᠰᠠᠨᠠᠯ》 ᠭᠡᠵᠦ ᠳᠦᠭᠦᠮᠴᠢᠯᠡᠨ᠎ᠡ)᠎ᠢ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠲᠤᠰᠬᠠᠢ ᠰᠡᠳᠦᠪᠲᠦ ᠬᠤᠷᠠᠯ᠎ᠢᠶᠠᠷ ᠬᠢᠨᠠᠨ ᠵᠦᠪᠯᠡᠵᠦ ᠪᠠᠲᠤᠯᠠᠭ᠋ᠠᠳ ᠦᠪᠦᠷ ᠵᠠᠰᠠᠭ ᠠᠯᠪᠠᠨ ᠲᠠᠷᠬᠠᠭ᠋ᠠᠭᠰᠠᠨ [2015] 61 ᠳ᠋ᠦ᠍ᠭᠡᠷ ᠲᠤᠭ᠋ᠠᠲᠤ ᠪᠢᠴᠢᠭ ᠮᠠᠲᠸᠷᠢᠶᠠᠯ ᠵᠶ᠋ᠡᠷ ᠢᠯᠡ ᠨᠡᠢ᠌ᠲᠡᠯᠡᠪᠡ᠃ ᠨᠡᠢ᠌ᠭᠡᠮ ᠨᠡᠢ᠌ᠲᠡ ᠪᠣᠯᠤᠨ ᠥᠷᠭᠡᠨ ᠤᠯᠠᠨ ᠰᠦᠯᠵᠢᠶᠡᠨ ᠠᠨᠳᠠ ᠨᠠᠷ᠎ᠲᠤ 《ᠰᠠᠨᠠᠯ》᠎ᠤᠨ ᠬᠠᠮᠢᠶ᠎ᠠ ᠪᠦᠬᠦᠢ ᠠᠭᠤᠯᠭ᠎ᠠ ᠵᠢ ᠤᠯᠠᠮ ᠨᠢᠭᠡ ᠠᠯᠬᠤᠮ ᠭᠦᠨᠵᠡᠭᠡᠢ ᠤᠢ᠌ᠯᠭ᠋ᠠᠭᠤᠯᠬᠤ ᠵᠢᠨ ᠲᠤᠰᠠᠳᠠ᠂ ᠤᠢ᠌ᠷ᠎ᠠ᠎ᠳᠤ᠂ ᠪᠢᠳᠡ ᠦᠪᠡᠷᠲᠡᠭᠡᠨ ᠵᠠᠰᠠᠬᠤ ᠤᠷᠤᠨ᠎ᠤ ᠠᠵᠤ ᠠᠬᠤᠢ ᠮᠡᠳᠡᠭᠡ ᠵᠠᠩᠭᠢᠵᠢᠯ᠎ᠤᠨ ᠵᠦᠪᠯᠡᠯ᠎ᠤᠨ ᠳᠡᠳ᠋ ᠡᠷᠬᠢᠯᠡᠭᠴᠢ ᠵᠠᠩ ᠪᠠᠢ ᠴᠸᠩ᠎ᠢ 《ᠳᠤᠮᠳᠠᠳᠤ ᠤᠯᠤᠰ ᠦᠪᠤᠷ ᠮᠤᠩᠭᠤᠯ》 ᠰᠦᠯᠵᠢᠶᠡᠨ᠎ᠳᠤ ᠤᠷᠢᠵᠤ ᠳᠠᠶᠠᠭ᠋ᠠᠷ᠎ᠲᠠᠢ ᠰᠦᠯᠵᠢᠶᠡᠨ ᠳᠡᠭᠡᠷ᠎ᠡ ᠵᠣᠭᠤᠭᠳᠠᠭᠤᠯᠬᠤ᠎ᠪᠠᠷ ᠪᠣᠯᠪᠠ᠃ ᠥᠷᠭᠡᠨ ᠤᠯᠠᠨ ᠰᠦᠯᠵᠢᠶᠡᠨ ᠠᠨᠳᠠ ᠨᠠᠷ ᠲᠤᠬᠠᠢ ᠵᠢᠨ ᠴᠠᠭᠲᠤᠨᠢ ᠢᠳᠡᠭᠬᠢᠲᠠᠢ ᠤᠷᠤᠯᠴᠠᠬᠤ ᠵᠢ ᠤᠭᠲᠤᠵᠤ ᠪᠠᠢ᠌ᠨ᠎ᠠ᠃

ᠰᠤᠷᠪᠤᠯᠵᠢᠯᠠᠨ ᠶᠠᠷᠢᠯᠴᠠᠭᠰᠠᠨ ᠪᠣᠳᠠᠲᠤ ᠲᠡᠮᠳᠡᠭᠯᠡᠯ᠄
ᠬᠦᠲᠦᠯᠦᠭᠴᠢ᠄
ᠰᠦᠯᠵᠢᠶᠡᠨ᠎ᠤ ᠠᠨᠳᠠ ᠨᠠᠷ ᠰᠠᠢ᠌ᠨ ᠪᠠᠢ᠌ᠵᠠᠭ᠋ᠠᠨ᠎ᠠ ᠦᠦ! ᠲᠠ ᠪᠦᠬᠦᠨ᠎ᠤ ᠲᠤᠰ ᠬᠤᠭᠤᠴᠠᠭ᠎ᠠ ᠵᠢᠨ 《ᠳᠤᠮᠳᠠᠳᠤ ᠤᠯᠤᠰ ᠦᠪᠤᠷ ᠮᠤᠩᠭᠤᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠪᠤᠯᠤᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠳᠤᠵᠦ ᠪᠠᠢ᠌ᠨ᠎ᠠ᠃ ᠦᠨᠦᠳᠦᠷ ᠪᠢᠳᠡ ᠦᠪᠡᠷᠲᠡᠭᠡᠨ ᠵᠠᠰᠠᠬᠤ ᠤᠷᠤᠨ᠎ᠤ ᠠᠵᠤ ᠠᠬᠤᠢ ᠮᠡᠳᠡᠭᠡ ᠵᠠᠩᠭᠢᠵᠢᠯ᠎ᠤᠨ ᠵᠦᠪᠯᠡᠯ᠎ᠤᠨ ᠳᠡᠳ᠋ ᠡᠷᠬᠢᠯᠡᠭᠴᠢ ᠵᠠᠩ ᠪᠠᠢ ᠴᠸᠩ᠎ᠢ ᠤᠷᠢᠵᠤ 《〈ᠢᠨᠲᠸᠷ ᠰᠦᠯᠵᠢᠶ᠎ᠡ +〉 ᠠᠵᠢᠯ᠎ᠢ ᠲᠥᠷᠭᠡᠳᠬᠡᠨ ᠠᠬᠢᠭᠤᠯᠬᠤ ᠲᠤᠬᠠᠢ ᠵᠢᠯᠣᠭᠣᠳᠬᠤ ᠰᠠᠨᠠᠯ》᠎ᠤᠨ ᠬᠣᠯᠪᠤᠭᠳᠠᠯ ᠪᠦᠬᠦᠢ ᠠᠭᠤᠯᠭ᠎ᠠ ᠵᠢ ᠰᠦᠯᠵᠢᠶᠡᠨ ᠳᠡᠭᠡᠷ᠎ᠡ ᠲᠠᠢ᠌ᠯᠪᠦᠷᠢᠯᠠᠭᠤᠯᠬᠤᠪᠠᠷ ᠪᠠᠢ᠌ᠨ᠎ᠠ᠃ ᠵᠠᠩ ᠡᠷᠬᠢᠯᠡᠭᠴᠢ ᠰᠠᠢ᠌ᠨ ᠦᠦ᠂ ᠲᠠᠨ᠎ᠢ ᠪᠠᠶᠠᠷᠯᠠᠨ ᠤᠭᠲᠤᠵᠤ ᠪᠠᠢ᠌ᠨ᠎ᠠ!
ᠵᠠᠩ ᠪᠠᠢ ᠴᠸᠩ᠄
ᠬᠥᠲᠦᠯᠦᠭᠴᠢ ᠰᠠᠢ᠌ᠨ ᠦᠦ᠂ ᠥᠷᠭᠡᠨ ᠤᠯᠠᠨ ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨ᠎ᠠ ᠦᠦ!
ᠬᠥᠲᠥᠯᠦᠭᠴᠢ᠄
ᠵᠠᠩ ᠡᠷᠬᠢᠯᠡᠭᠴᠢ ᠡ᠂ ᠡᠨᠡ ᠵᠢᠯ᠎ᠤᠨ ᠪᠦᠬᠦ ᠤᠯᠤᠰ᠎ᠤᠨ 《ᠬᠣᠶᠠᠷ ᠬᠤᠷᠠᠯ》᠎ᠤᠨ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠳᠤ 《ᠢᠨᠲᠸᠷ ᠰᠦᠯᠵᠢᠶ᠎ᠡ +》 ᠵᠢ ᠳᠤᠷᠠᠳᠤᠭᠰᠠᠨ᠎ᠤ ᠳᠠᠷᠠᠭ᠎ᠠ᠂ ᠡᠯ᠎ᠡ ᠭᠠᠵᠠᠷ᠎ᠤᠨ ᠵᠠᠰᠠᠭ᠎ᠤᠨ ᠤᠷᠳᠤᠨ᠎ᠨᠤᠭᠤᠳ 《ᠢᠨᠲᠸᠷ ᠰᠦᠯᠵᠢᠶ᠎ᠡ +》 ᠠᠵᠢᠯᠯᠠᠭ᠎ᠠ ᠵᠢᠨ ᠲᠦᠯᠦᠪᠯᠡᠯᠭᠡ ᠵᠢ ᠬᠣᠢ᠌ᠨ᠎ᠠ ᠬᠣᠢ᠌ᠨ᠎ᠠ᠎ᠠᠴᠠ᠎ᠪᠠᠨ ᠭᠠᠷᠭ᠋ᠠᠭᠰᠠᠨ ᠪᠤᠶᠤ ᠱᠠᠯᠠᠪᠳᠠᠨ ᠲᠣᠭᠲᠠᠭ᠋ᠠᠪᠠ᠂ ᠮᠠᠨ᠎ᠤ ᠤᠷᠤᠨ ᠪᠠᠰᠠ 《ᠢᠨᠲᠸᠷ ᠰᠦᠯᠵᠢᠶ᠎ᠡ +》 ᠭᠡᠰᠡᠨ ᠡᠨᠡᠬᠥ ᠲᠣᠮᠤ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢᠨ ᠳᠣᠣᠷ᠎ᠠ᠂ 《ᠢᠨᠲᠸᠷ ᠰᠦᠯᠵᠢᠶ᠎ᠡ +》 ᠠᠵᠢᠯ᠎ᠢ ᠲᠥᠷᠭᠡᠳᠬᠡᠨ ᠠᠬᠢᠭᠤᠯᠬᠤ ᠵᠢᠯᠣᠭᠣᠳᠬᠤ ᠰᠠᠨᠠᠯ᠎ᠢ ᠭᠠᠷᠭ᠋ᠠᠪᠠ᠂ ᠲᠠ ᠮᠠᠨ᠎ᠤ ᠤᠷᠤᠨ᠎ᠤ 《ᠢᠨᠲᠸᠷ ᠰᠦᠯᠵᠢᠶ᠎ᠡ +》 ᠠᠵᠢᠯ᠎ᠢ ᠲᠥᠷᠭᠡᠳᠬᠡᠨ ᠠᠬᠢᠭᠤᠯᠬᠤ᠎ᠨᠢ ᠶᠠᠮᠠᠷ ᠶᠠᠮᠠᠷ ᠠᠴᠢ ᠬᠣᠯᠪᠤᠭᠳᠠᠯ᠎ᠲᠠᠢ ᠭᠡᠳᠡᠭ᠎ᠢ ᠶᠠᠷᠢᠭ᠋ᠠᠳ ᠦᠭᠭᠥᠨ᠎ᠡ ᠦᠦ?
ᠵᠠᠩ ᠪᠠᠢ ᠴᠸᠩ᠄
ᠣᠳᠤᠬᠠᠨ᠎ᠳᠤ᠂ ᠢᠨᠲᠸᠷ ᠰᠦᠯᠵᠢᠶ᠎ᠡ ᠬᠢᠭᠡᠳ ᠡᠭᠦᠯᠡᠨ ᠪᠣᠳᠤᠯᠲᠠ᠂ ᠶᠡᠬᠡ ᠲᠣᠭ᠎ᠠ ᠪᠠᠷᠢᠮᠳᠠ᠂ ᠪᠣᠳᠠᠰᠯᠢᠭ ᠬᠣᠯᠪᠤᠭ᠋ᠠᠲᠤ ᠰᠦᠯᠵᠢᠶ᠎ᠡ ᠵᠡᠷᠭᠡ ᠰᠢᠨ᠎ᠡ ᠨᠢᠭᠡᠨ ᠦᠶ᠎ᠡ ᠵᠢᠨ ᠮᠡᠳᠡᠭᠡ ᠵᠠᠩᠬᠢ ᠵᠢᠨ ᠮᠡᠷᠭᠡᠵᠢᠯ ᠲᠠᠰᠤᠷᠠᠯᠲᠠ ᠦᠭᠡᠢ ᠰᠢᠨ᠎ᠡ ᠵᠢ ᠡᠭᠦᠳᠴᠦ᠂ ᠬᠡᠷᠡᠭᠯᠡᠯᠲᠡ᠎ᠨᠢ ᠲᠥᠷᠭᠡᠳᠴᠦ᠂ ᠠᠵᠤ ᠠᠬᠤᠢ᠌ᠯᠠᠯ᠎ᠤᠨ ᠦᠢ᠍ᠯᠡᠳᠪᠦᠷᠢᠯᠡᠯ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ᠂ ᠬᠤᠳᠠᠯᠳᠤᠭ᠋ᠠᠨ᠎ᠤ ᠦᠢ᠍ᠯᠡᠴᠢᠯᠡᠭᠡᠨ ᠬᠢᠭᠡᠳ ᠠᠮᠢᠳᠤᠷᠠᠯ᠎ᠤᠨ ᠬᠡᠷᠡᠭᠯᠡᠭᠡᠨ᠎ᠤ ᠠᠷᠭ᠎ᠠ ᠮᠠᠶᠢᠭ᠎ᠢ ᠭᠥᠨᠵᠡᠭᠡᠢ ᠬᠤᠪᠢᠷᠠᠭᠤᠯᠵᠤ ᠪᠠᠢ᠌ᠬᠤ ᠵᠢᠨ ᠬᠠᠮᠲᠤ ᠤᠷᠢᠳ ᠡᠮᠦᠨ᠎ᠡ ᠪᠠᠢ᠌ᠭ᠎ᠠ ᠦᠭᠡᠢ ᠡᠷᠴᠢᠮ ᠵᠶ᠋ᠡᠷ ᠤᠯᠠᠮᠵᠢᠯᠠᠯᠲᠤ ᠠᠵᠤ ᠦᠢ᠍ᠯᠡᠰ᠎ᠢ ᠳᠠᠬᠢᠨ ᠱᠤᠭᠤᠵᠤ ᠪᠠᠢ᠌ᠬᠤ ᠪᠠ ᠰᠢᠨ᠎ᠡ᠎ᠪᠠᠷ ᠬᠥᠭᠵᠢᠵᠦ ᠪᠦᠬᠦᠢ ᠠᠵᠤ ᠦᠢ᠍ᠯᠡᠰ᠎ᠢ ᠪᠣᠢ ᠪᠤᠯᠭ᠋ᠠᠵᠤ ᠪᠠᠢ᠌ᠨ᠎ᠠ᠃
ᠯᠢ ᠺᠧ ᠴᠢᠶᠠᠩ ᠶᠡᠷᠦᠩᠬᠡᠢ ᠰᠠᠢ᠌ᠳ ᠡᠨᠡ ᠵᠢᠯ᠎ᠤᠨ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠳᠡᠭᠡᠨ 《ᠢᠨᠲᠸᠷ ᠰᠦᠯᠵᠢᠶ᠎ᠡ +》 ᠠᠵᠢᠯᠯᠠᠭ᠎ᠠ ᠵᠢᠨ ᠲᠦᠯᠦᠪᠯᠡᠯᠭᠡ ᠲᠣᠭᠲᠠᠭ᠋ᠠᠨ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠂ ᠠᠵᠤ ᠦᠢ᠍ᠯᠡᠳᠪᠦᠷᠢ ᠵᠢᠨ ᠢᠨᠲᠸᠷ ᠰᠦᠯᠵᠢᠶ᠎ᠡ ᠪᠤᠯᠤᠨ ᠢᠨᠲᠸᠷ ᠰᠦᠯᠵᠢᠶᠡᠨ ᠮᠥᠩᠭᠦᠨ ᠭᠦᠢ᠍ᠯᠭᠡᠭᠡᠨ᠎ᠤ ᠡᠷᠡᠭᠦᠯ ᠵᠶ᠋ᠡᠷ ᠭᠦᠭᠵᠢᠬᠦ ᠵᠢ ᠠᠬᠢᠭᠤᠯᠬᠤ ᠬᠡᠷᠡᠭᠲᠡᠢ ᠭᠡᠵᠦ ᠳᠤᠷᠠᠳᠤᠭᠰᠠᠨ ᠶᠠᠪᠤᠳᠠᠯ᠎ᠨᠢ᠂ ᠪᠦᠬᠦ ᠨᠡᠢ᠌ᠭᠡᠮ᠎ᠤᠨ᠎ᠬᠢᠨ᠎ᠤ ᠳᠡᠭᠡᠳᠦ ᠬᠡᠮᠵᠢᠶ᠎ᠡ᠎ᠪᠠᠷ ᠠᠩᠬᠠᠷᠬᠤ ᠪᠠ ᠰᠤᠳᠤᠯᠬᠤ ᠥᠷᠨᠢᠯᠲᠡ ᠵᠢ ᠤᠯᠠᠮ ᠨᠢᠭᠡ ᠠᠯᠬᠤᠮ ᠡᠭᠦᠰᠭᠡᠪᠡ᠃ ᠡᠯ᠎ᠡ ᠭᠠᠵᠠᠷ᠎ᠤᠨ᠎ᠬᠢᠨ᠎ᠨᠢ ᠪᠠᠰᠠ ᠴᠦᠮ ᠠᠵᠠ ᠲᠣᠬᠢᠶᠠᠯ᠎ᠢ ᠵᠠᠪᠳᠤᠨ᠂ ᠢᠨᠲᠸᠷ ᠰᠦᠯᠵᠢᠶᠡᠨ᠎ᠤ ᠠᠵᠤ ᠠᠬᠤᠢ ᠵᠢᠨ ᠬᠥᠭᠵᠢᠯᠲᠡ ᠵᠢ ᠲᠥᠷᠭᠡᠳᠬᠡᠨ ᠠᠬᠢᠭᠤᠯᠵᠤ᠂ ᠵᠠᠷᠢᠮ ᠮᠤᠵᠢᠨᠤᠭᠤᠳ ᠬᠠᠮᠢᠶ᠎ᠠ ᠪᠦᠬᠦᠢ ᠰᠠᠨᠠᠯ ᠵᠶ᠋ᠠᠨ ᠨᠡᠢ᠌ᠲᠡᠯᠡᠭᠰᠡᠨ ᠪᠠᠢ᠌ᠨ᠎ᠠ᠂ ᠵᠢᠱ᠌ᠢᠶᠡᠯᠡᠪᠡᠯ ᠰᠧᠴᠤᠸᠠᠨ᠂ ᠭᠢᠷᠢᠨ ᠪᠤᠯᠤᠨ ᠹᠦᠵᠢᠶᠠᠨ ᠵᠡᠷᠭᠡ ᠭᠠᠵᠠᠷ᠎ᠤᠳ ᠪᠤᠯᠤᠨ᠎ᠠ᠂ ᠨᠡᠩ ᠤᠯᠠᠨ ᠮᠤᠵᠢ ᠬᠤᠲᠠ᠎ᠨᠤᠭᠤᠳ ᠶᠠᠭ ᠵᠠᠪᠳᠤᠨ ᠰᠣᠳᠤᠯᠤᠨ ᠲᠣᠭᠲᠠᠭ᠋ᠠᠵᠤ ᠪᠠᠢ᠌ᠨ᠎ᠠ᠃
ᠮᠠᠨ᠎ᠤ ᠤᠷᠤᠨ ᠶᠠᠭ ᠠᠵᠤ ᠠᠬᠤᠢ ᠵᠢᠨ ᠪᠦᠲᠦᠴᠡ᠎ᠪᠠᠨ ᠲᠣᠬᠢᠷᠠᠭᠤᠯᠬᠤ᠂ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦᠢ ᠲᠥᠷᠭᠡᠳᠭᠡᠬᠦ ᠵᠠᠩᠭᠢᠯᠠᠭ᠎ᠠ ᠵᠢᠨ ᠴᠠᠭ ᠦᠶ᠎ᠡ᠎ᠳᠤ ᠤᠷᠤᠰᠢᠵᠤ ᠪᠠᠢ᠌ᠭ᠎ᠠ ᠪᠣᠯᠬᠤᠷ᠂ 《ᠢᠨᠲᠸᠷ ᠰᠦᠯᠵᠢᠶ᠎ᠡ +》 ᠠᠵᠢᠯ᠎ᠢ ᠲᠥᠷᠭᠡᠳᠬᠡᠨ ᠠᠬᠢᠭᠤᠯᠬᠤ᠎ᠨᠢ ᠨᠡᠮᠡᠭᠳᠡᠯ᠎ᠢ ᠲᠣᠭᠲᠠᠪᠤᠷᠢᠵᠢᠭᠤᠯᠬᠤ᠂ ᠪᠦᠲᠦᠴᠡ ᠵᠢ ᠲᠣᠬᠢᠷᠠᠭᠤᠯᠬᠤ᠂ ᠬᠡᠯᠪᠡᠷᠢ ᠵᠢ ᠬᠤᠪᠢᠷᠠᠭᠤᠯᠬᠤ ᠪᠠ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠎ᠳᠠᠬᠢ ᠢᠨᠲᠸᠷ ᠰᠦᠯᠵᠢᠶ᠎ᠡ ᠵᠢᠨ ᠪᠠᠶ᠋ᠢᠯᠳᠤᠬᠤ ᠪᠣᠳᠣᠯᠭ᠎ᠠ ᠵᠢᠨ ᠴᠢᠨᠠᠷ᠂ ᠰᠠᠭᠤᠷᠢ ᠴᠢᠨᠠᠷ ᠪᠠ ᠤᠳᠤᠷᠢᠳᠤᠮᠵᠢ ᠵᠢᠨ ᠴᠢᠨᠠᠷᠲᠠᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠮᠠᠨ᠎ᠤ ᠤᠷᠤᠨ᠎ᠤ ᠢᠨᠲᠸᠷ ᠰᠦᠯᠵᠢᠶ᠎ᠡ ᠵᠢᠨ ᠠᠵᠤ ᠠᠬᠤᠢ ᠵᠢᠨ ᠬᠥᠭᠵᠢᠯᠲᠡ ᠵᠢ ᠲᠦᠯᠬᠢᠨ ᠠᠬᠢᠭᠤᠯᠵᠤ᠂ ᠮᠠᠨ᠎ᠤ ᠤᠷᠤᠨ᠎ᠤ ᠠᠵᠤ ᠠᠬᠤᠢ ᠬᠢᠭᠡᠳ ᠨᠡᠢ᠌ᠭᠡᠮ᠎ᠤᠨ ᠬᠥᠭᠵᠢᠯᠲᠡ ᠵᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠬᠤ ᠪᠣᠯᠤᠨ᠎ᠠ᠃ 《ᠢᠨᠲᠸᠷ ᠰᠦᠯᠵᠢᠶ᠎ᠡ +》 ᠠᠵᠢᠯ᠎ᠢ ᠲᠥᠯᠬᠢᠨ ᠠᠬᠢᠭᠤᠯᠬᠤ ᠵᠢᠨ ᠵᠢᠯᠣᠭᠣᠳᠬᠤ ᠰᠠᠨᠠᠯ᠎ᠢ ᠰᠣᠳᠤᠯᠤᠨ ᠲᠣᠭᠲᠠᠭ᠋ᠠᠬᠤ᠎ᠨᠢ ᠮᠠᠨ᠎ᠤ ᠤᠷᠤᠨ᠎ᠤ ᠠᠵᠤ ᠠᠬᠤᠶ ᠵᠢᠨ ᠬᠥᠭᠵᠢᠯᠲᠡ ᠵᠢᠨ ᠰᠢᠨ᠎ᠡ ᠬᠡᠪ ᠪᠠᠢ᠌ᠳᠠᠯ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠬᠤ ᠪᠣᠳᠠᠲᠤ ᠬᠡᠷᠡᠭᠴᠡᠭᠡ ᠪᠣᠯᠤᠨ᠎ᠠ᠃
《ᠰᠠᠨᠠᠯ》᠎ᠨᠢ ᠬᠣᠯᠪᠤᠭᠳᠠᠯ ᠪᠦᠬᠦᠢ ᠠᠬ᠎ᠠ ᠳᠡᠭᠦᠦ ᠮᠤᠵᠢ ᠬᠤᠲᠠ ᠵᠢᠨ ᠨᠢᠭᠡᠨᠲᠡ ᠨᠡᠢ᠌ᠲᠡᠯᠡᠭᠰᠡᠨ ᠲᠥᠷᠦ ᠵᠢᠨ ᠪᠣᠳᠤᠯᠭ᠎ᠠ ᠵᠢ ᠰᠣᠳᠤᠯᠤᠭᠰᠠᠨ ᠰᠠᠭᠤᠷᠢᠨ ᠳᠡᠭᠡᠷ᠎ᠡ᠂ ᠮᠠᠨ᠎ᠤ ᠤᠷᠤᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠵᠠᠰᠠᠭ᠎ᠤᠨ ᠤᠷᠳᠤᠨ᠎ᠤ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠵᠤ᠂ ᠰᠢᠪᠲᠤᠯᠤᠯᠲᠠ ᠭᠠᠷᠭ᠋ᠠᠬᠤ᠂ ᠰᠢᠨ᠎ᠡ ᠵᠢ ᠡᠭᠦᠳᠬᠦ᠎ᠪᠠᠷ ᠴᠢᠷᠮᠠᠢ᠌ᠨ᠂ ᠲᠥᠷᠦ ᠵᠢᠨ ᠪᠣᠳᠤᠯᠭ᠎ᠠ ᠵᠢᠨ ᠬᠡᠷᠡᠭᠵᠢᠯᠡᠭᠦᠯᠬᠦᠢ᠌ᠴᠡ ᠴᠢᠨᠠᠷ᠎ᠢ ᠨᠡᠩ ᠳᠣᠪᠤᠢ᠌ᠯᠭ᠋ᠠᠬᠤ ᠵᠢ ᠠᠩᠬᠠᠷᠴᠤ᠂ ᠢᠨᠲᠸᠷ ᠰᠦᠯᠵᠢᠶᠡᠨ ᠠᠵᠤ ᠠᠬᠤᠢ ᠵᠢᠨ ᠪᠦᠬᠦ ᠬᠦᠷᠢᠶ᠎ᠡ ᠬᠡᠪᠴᠢᠶ᠎ᠡ᠂ ᠪᠦᠬᠦ ᠶᠠᠪᠤᠴᠠ᠎ᠳᠠᠬᠢ ᠶᠡᠷᠥᠩᠬᠡᠢ ᠵᠢᠯᠤᠭᠤᠳᠤᠯᠭ᠎ᠠ ᠪᠠ ᠠᠬᠢᠭᠤᠯᠤᠯ ᠪᠣᠯᠬᠤ ᠪᠦᠭᠡᠳ ᠢᠨᠲᠸᠷ ᠰᠦᠯᠵᠢᠶ᠎ᠡ ᠵᠢᠨ ᠮᠡᠷᠭᠡᠵᠢᠯ᠎ᠢ ᠲᠦᠷᠭᠡᠨ ᠭᠦᠨᠵᠡᠭᠡᠢ ᠬᠡᠷᠡᠭᠯᠡᠬᠦ ᠪᠠ ᠢᠨᠲᠸᠷ ᠰᠦᠯᠵᠢᠶ᠎ᠡ + ᠠᠵᠢᠯᠯᠠᠭ᠎ᠠ ᠵᠢ ᠲᠦᠷᠭᠡᠳᠬᠡᠬᠦ ᠵᠢ ᠪᠡᠶᠡᠯᠡᠭᠦᠯᠬᠦ᠎ᠳᠤ ᠬᠡᠷᠬᠢᠨ ᠰᠠᠭᠤᠷᠢᠯᠠᠨ ᠪᠣᠳᠠᠲᠤ ᠠᠵᠤ ᠠᠬᠤᠢ ᠪᠣᠯᠤᠨ ᠢᠨᠲᠸᠷ ᠰᠦᠯᠵᠢᠶᠡᠨ ᠠᠵᠤ ᠠᠬᠤᠢ ᠵᠢ ᠪᠦᠬᠦ ᠲᠠᠯ᠎ᠠ᠎ᠪᠠᠷ ᠵᠠᠯᠭ᠋ᠠᠭᠤᠯᠬᠤ ᠠᠰᠠᠭᠤᠳᠠᠯ᠎ᠢ ᠰᠢᠢ᠍ᠳᠪᠦᠷᠢᠯᠡᠵᠦ᠂ ᠬᠦᠭᠵᠢᠯᠲᠡ ᠵᠢᠨ ᠭᠣᠣᠯᠳᠠᠯᠭ᠎ᠠ᠎ᠲᠠᠢ ᠮᠦᠷᠲᠡᠭᠡᠨ ᠪᠠᠰᠠ ᠪᠤᠳᠠᠲᠠᠢ ᠲᠥᠷᠦ ᠵᠢᠨ ᠪᠣᠳᠤᠯᠭ᠎ᠠ ᠵᠢᠨ ᠠᠷᠭ᠎ᠠ ᠬᠡᠮᠵᠢᠶ᠎ᠡ᠎ᠲᠠᠢ ᠶᠤᠮ᠃
ᠬᠦᠲᠦᠯᠦᠭᠴᠢ᠄
ᠮᠠᠨ᠎ᠤ ᠤᠷᠤᠨ᠎ᠤ 《ᠢᠨᠲᠸᠷ ᠰᠦᠯᠵᠢᠶ᠎ᠡ +》 ᠠᠵᠢᠯ᠎ᠳᠤ ᠶᠠᠮᠠᠷᠰᠢᠦ ᠬᠦᠭᠵᠢᠯᠲᠡ ᠵᠢᠨ ᠪᠣᠷᠣ ᠲᠥᠰᠦᠪ᠎ᠢ ᠲᠦᠯᠦᠪᠵᠢᠭᠦᠯᠦᠭᠰᠡᠨ ᠪᠣᠢ?
ᠵᠠᠩ ᠪᠠᠢ ᠴᠸᠩ᠄
ᠶᠡᠷᠦᠩᠬᠡᠢ ᠴᠢᠭᠯᠡᠯᠲᠦ ᠴᠢᠨᠠᠷ᠂ ᠬᠠᠷᠠᠯᠲᠠ ᠵᠢᠨ ᠲᠠᠯ᠎ᠠ᠎ᠠᠴᠠ ᠠᠪᠴᠤ ᠬᠡᠯᠡᠪᠡᠯ ᠢᠷᠡᠭᠡᠳᠦᠢ ᠵᠢᠨ 15 ᠵᠢᠯ᠎ᠳᠤ᠂ 《ᠢᠨᠲᠸᠷ ᠰᠦᠯᠵᠢᠶ᠎ᠡ +》 ᠲᠦᠷᠭᠡᠨ ᠠᠬᠢᠵᠤ᠂ ᠡᠭᠦᠯᠡᠨ ᠪᠣᠳᠤᠯᠲᠠ᠂ ᠶᠡᠬᠡ ᠲᠣᠭ᠎ᠠ ᠪᠠᠷᠢᠮᠳᠠ᠂ ᠪᠣᠳᠠᠰᠯᠢᠭ ᠬᠣᠯᠪᠤᠭ᠋ᠠᠲᠤ ᠰᠦᠯᠵᠢᠶ᠎ᠡ᠂ ᠰᠢᠯᠵᠢᠮᠡᠯ ᠢᠨᠲᠸᠷ ᠰᠦᠯᠵᠢᠶ᠎ᠡ ᠵᠡᠷᠭᠡ᠎ᠪᠠᠷ ᠲᠦᠯᠦᠭᠡᠯᠡᠭᠦᠯᠦᠭᠰᠡᠨ ᠰᠢᠨ᠎ᠡ ᠨᠢᠭᠡᠨ ᠦᠶ᠎ᠡ ᠵᠢᠨ ᠮᠡᠳᠡᠭᠡ ᠵᠠᠩᠬᠢ ᠵᠢᠨ ᠮᠡᠷᠭᠡᠵᠢᠯ᠎ᠨᠢ ᠠᠵᠤ ᠠᠬᠤᠢ ᠨᠡᠢ᠌ᠭᠡᠮ᠎ᠤᠨ ᠡᠯ᠎ᠡ ᠠᠵᠢᠯ ᠲᠦᠷᠦᠯ ᠡᠯ᠎ᠡ ᠬᠦᠷᠢᠶ᠎ᠡ ᠬᠡᠪᠴᠢᠶᠡᠨ᠎ᠳᠤ ᠥᠷᠭᠡᠨ ᠵᠶ᠋ᠡᠷ ᠬᠡᠷᠡᠭᠯᠡᠭᠳᠡᠵᠦ᠂ ᠠᠵᠤ ᠠᠬᠤᠢ ᠵᠢᠨ ᠪᠦᠲᠦᠴᠡ ᠵᠢ ᠲᠣᠬᠢᠷᠠᠭᠤᠯᠬᠤ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠵᠤ ᠳᠡᠰ ᠳᠡᠪᠰᠢᠬᠦ ᠵᠢ ᠠᠬᠢᠭᠤᠯᠬᠤ᠎ᠳᠤ ᠢᠨᠲᠸᠷ ᠰᠦᠯᠵᠢᠶ᠎ᠡ ᠵᠢᠨ ᠪᠠᠳᠠᠷᠠᠭᠤᠯᠬᠤ ᠦᠢ᠍ᠯᠡᠳᠦᠯ᠎ᠨᠢ ᠢᠯᠡᠷᠬᠡᠢ ᠪᠠᠢ᠌ᠵᠤ᠂ ᠮᠡᠳᠡᠭᠡ ᠵᠠᠩᠬᠢ ᠵᠢᠨ ᠬᠡᠷᠡᠭᠯᠡᠭᠡᠨ ᠲᠦᠷᠭᠡᠨ ᠨᠡᠮᠡᠭᠳᠡᠵᠦ᠂ ᠢᠨᠲᠸᠷ ᠰᠦᠯᠵᠢᠶᠡᠨ ᠠᠵᠤ ᠠᠬᠤᠢ ᠵᠢᠨ ᠬᠦᠭᠵᠢᠯᠲᠡ ᠵᠢᠨ ᠬᠢᠷᠢ ᠬᠡᠮᠵᠢᠶ᠎ᠡ ᠪᠦᠬᠦ ᠲᠠᠯ᠎ᠠ᠎ᠪᠠᠷ ᠳᠡᠭᠡᠭᠰᠢᠯᠡᠬᠦ ᠪᠣᠯᠤᠨ᠎ᠠ᠃ ᠬᠡᠳᠦᠨ ᠭᠣᠣᠯᠳᠠᠯᠠᠭᠠᠲᠠᠢ ᠬᠡᠮᠵᠢᠶᠡᠯᠡᠭᠰᠡᠨ ᠭᠦᠢ᠍ᠴᠡᠳᠭᠡᠬᠦ ᠲᠣᠭ᠎ᠠ ᠪᠣᠯ᠄ 2020 ᠣᠨ ᠪᠣᠯᠬᠤ᠎ᠳᠤ᠂ ᠦᠪᠡᠷᠲᠡᠭᠡᠨ ᠵᠠᠰᠠᠬᠤ ᠤᠷᠤᠨ᠎ᠤ ᠳᠡᠰ᠎ᠤᠨ ᠢᠨᠲᠸᠷ ᠰᠦᠯᠵᠢᠶᠡᠨ ᠠᠵᠤ ᠠᠬᠤᠢ ᠲᠦᠪᠯᠡᠷᠡᠭᠰᠡᠨ ᠤᠷᠤᠨ 5᠂ ᠡᠯᠧᠺᠲᠷᠣᠨ ᠬᠤᠳᠠᠯᠳᠤᠭ᠋ᠠᠨ᠎ᠤ ᠶᠡᠪᠤᠳᠠᠯ ᠲᠥᠪᠯᠡᠷᠡᠭᠰᠡᠨ ᠣᠷᠣᠨ 10᠂ ᠶᠡᠬᠡ ᠬᠡᠮᠵᠢᠶᠡᠨ᠎ᠤ ᠲᠠᠸᠠᠷ᠎ᠤᠨ ᠡᠯᠧᠺᠲᠷᠣᠨ ᠠᠷᠠᠯᠵᠢᠶᠠᠨ᠎ᠤ ᠵᠠᠬ᠎ᠠ ᠳᠡᠯᠭᠡᠭᠦᠷ10 ᠵᠢ ᠪᠠᠢ᠌ᠭᠤᠯᠵᠤ ᠳᠠᠭᠤᠰᠬᠠᠨ᠂ ᠡᠯᠧᠺᠲᠷᠣᠨ ᠬᠤᠳᠠᠯᠳᠤᠭ᠋ᠠᠨ᠎ᠤ ᠶᠡᠪᠤᠳᠠᠯ᠎ᠤᠨ ᠠᠷᠠᠯᠵᠢᠶᠠᠯᠠᠭ᠎ᠠ ᠵᠢᠨ ᠲᠣᠭ᠎ᠠ 5800 ᠳ᠋ᠥᠩᠰᠢᠭᠤᠷ ᠲᠦᠭᠦᠷᠢᠭ᠎ᠲᠤ ᠬᠦᠷᠴᠦ᠂ ᠢᠨᠲᠸᠷ ᠰᠦᠯᠵᠢᠶᠡᠨ ᠦᠢ᠍ᠯᠡᠴᠢᠯᠡᠭᠡᠨ᠎ᠤ ᠣᠷᠤᠯᠭ᠎ᠠ 500 ᠳ᠋ᠥᠩᠰᠢᠭᠤᠷ ᠲᠦᠭᠦᠷᠢᠭ᠎ᠲᠤ ᠬᠦᠷᠬᠦ ᠪᠣᠯᠤᠨ᠎ᠠ᠃
ᠬᠦᠲᠦᠯᠦᠭᠴᠢ᠄
ᠲᠠ ᠮᠠᠨ᠎ᠤ ᠤᠷᠤᠨ᠎ᠤ 《ᠢᠨᠲᠸᠷ ᠰᠦᠯᠵᠢᠶ᠎ᠡ +》 ᠵᠢ ᠲᠦᠯᠬᠢᠨ ᠠᠬᠢᠭᠤᠯᠬᠤ ᠵᠢ ᠶᠠᠷᠢᠭ᠋ᠠᠳ ᠦᠭᠭᠥᠨ᠎ᠡ ᠦᠦ᠂ ᠲᠡᠷᠡ᠎ᠨᠢ ᠠᠯᠢ ᠬᠡᠳᠦᠨ ᠬᠦᠷᠢᠶ᠎ᠡ ᠬᠡᠪᠴᠢᠶᠡᠨ᠎ᠠᠴᠠ ᠭᠣᠣᠯᠳᠠᠯᠭ᠎ᠠ᠎ᠲᠠᠢ ᠰᠢᠪᠲᠤᠯᠤᠯᠲᠠ ᠬᠢᠬᠦ ᠪᠣᠢ?
ᠵᠠᠩ ᠪᠠᠢ ᠴᠸᠩ᠄
《ᠢᠨᠲᠸᠷ ᠰᠦᠯᠵᠢᠶ᠎ᠡ +》 ᠵᠢ ᠶᠠᠷᠢᠪᠠᠯ᠂ ᠡᠨᠡ᠎ᠨᠢ ᠪᠠᠰᠠ ᠡᠨᠡ ᠵᠢᠯ᠎ᠤᠨ ᠤᠯᠠᠨ ᠵᠶ᠋ᠠᠷ ᠵᠶ᠋ᠠᠨ ᠬᠠᠮᠤᠭ᠎ᠠᠴᠠ ᠠᠷᠪᠢᠨ ᠶᠠᠷᠢᠯᠴᠠᠵᠤ ᠪᠠᠢ᠌ᠭ᠎ᠠ ᠨᠢᠭᠡᠨ ᠰᠡᠳᠦᠪ ᠪᠣᠯᠤᠨ᠎ᠠ᠃ ᠮᠢᠨᠦ ᠦᠵᠡᠬᠦ᠎ᠪᠠᠷ 《ᠢᠨᠲᠸᠷ ᠰᠦᠯᠵᠢᠶ᠎ᠡ +》 ᠪᠣᠯ ᠨᠢᠭᠡᠨ ᠲᠦᠢ᠍ᠯ᠎ᠤᠨ ᠶᠡᠬᠡ ᠤᠬᠠᠭᠳᠠᠬᠤᠨ ᠪᠣᠯᠤᠨ᠎ᠠ᠂ ᠢᠨᠲᠸᠷ ᠰᠦᠯᠵᠢᠶ᠎ᠡ + ᠨᠡᠢ᠌ᠭᠡᠮ ᠪᠣᠯ ᠳᠠᠷᠤᠢ ᠨᠡᠢ᠌ᠭᠡᠮ᠎ᠤᠨ ᠮᠡᠳᠡᠭᠡ ᠵᠡᠡᠭᠬᠢᠵᠢᠯᠳᠠ ᠪᠣᠯᠵᠤ ᠬᠤᠪᠢᠷᠠᠨ᠎ᠠ᠂ ᠢᠨᠲᠸᠷ ᠰᠦᠯᠵᠢᠶ᠎ᠡ + ᠣᠷᠴᠢᠨ ᠲᠣᠭᠤᠷᠢᠨ᠎ᠤ ᠬᠠᠮᠠᠭ᠋ᠠᠯᠠᠯᠲᠠ ᠪᠣᠯ ᠳᠠᠷᠤᠢ ᠪᠣᠬᠢᠷᠲᠠᠯ ᠦᠭᠡᠢ ᠬᠦᠭᠵᠢᠯᠲᠡ ᠪᠣᠯᠬᠤ ᠵᠡᠷᠭᠡ ᠪᠣᠯᠤᠨ᠎ᠠ᠃ ᠵᠢᠯᠣᠭᠣᠳᠬᠤ ᠰᠠᠨᠠᠯ᠎ᠳᠤ ᠪᠢᠳᠡ 《8 +1》 ᠠᠵᠢᠯ᠎ᠤᠨ ᠭᠣᠣᠯᠳᠠᠯᠭ᠎ᠠ ᠵᠢ ᠳᠤᠷᠠᠳᠪᠠ᠂ 《8》 ᠭᠡᠳᠡᠭ᠎ᠨᠢ ᠠᠵᠤ ᠦᠢ᠍ᠯᠡᠳᠪᠦᠷᠢ᠂ ᠲᠠᠷᠢᠶᠠᠯᠠᠩ ᠮᠠᠯ ᠠᠵᠤ ᠠᠬᠤᠢ᠂ ᠠᠷᠠᠯᠵᠢᠶ᠎ᠠ ᠬᠤᠳᠠᠯᠳᠤᠭ᠎ᠠ ᠮᠦᠩᠭᠦᠨ ᠭᠦᠢ᠍ᠯᠭᠡᠭᠡ᠂ ᠵᠠᠰᠠᠭ᠎ᠤᠨ ᠶᠠᠪᠤᠳᠠᠯ᠂ ᠰᠤᠶᠤᠯ᠂ ᠠᠷᠠᠳ᠎ᠤᠨ ᠠᠮᠢᠳᠤᠷᠠᠯ᠂ ᠠᠮᠢ ᠠᠬᠤᠢ ᠵᠡᠷᠭᠡ ᠨᠠᠢ᠍ᠮᠠᠨ ᠭᠣᠣᠯᠳᠠᠯᠭ᠎ᠠ᠎ᠲᠠᠢ ᠬᠦᠷᠢᠶ᠎ᠡ ᠬᠡᠪᠴᠢᠶ᠎ᠡ ᠪᠣᠯᠤᠨ᠎ᠠ᠂ ᠭᠣᠣᠯᠳᠠᠭᠤ ᠠᠵᠤ ᠦᠢ᠍ᠯᠡᠳᠪᠦᠷᠢ ᠵᠢᠨ ᠢᠨᠲᠸᠷ ᠰᠦᠯᠵᠢᠶ᠎ᠡ᠂ ᠲᠠᠷᠢᠶᠠᠯᠠᠩ ᠮᠠᠯ ᠠᠵᠤ ᠠᠬᠤᠢ ᠵᠢᠨ ᠪᠣᠳᠠᠰᠯᠢᠭ ᠬᠣᠯᠪᠤᠭ᠋ᠠᠲᠤ ᠰᠦᠯᠵᠢᠶ᠎ᠡ᠂ ᠡᠯᠧᠺᠲᠷᠣᠨ ᠬᠤᠳᠠᠯᠳᠤᠭ᠋ᠠᠨ᠎ᠤ ᠶᠡᠪᠤᠳᠠᠯ᠂ ᠢᠨᠲᠸᠷ ᠰᠦᠯᠵᠢᠶᠡᠨ ᠮᠦᠩᠭᠦᠨ ᠭᠦᠢ᠍ᠯᠭᠡᠭᠡ᠂ ᠡᠯᠧᠺᠲᠷᠣᠨ ᠵᠠᠰᠠᠭ᠎ᠤᠨ ᠶᠠᠪᠤᠳᠠᠯ᠎ᠤᠨ ᠤᠯᠠᠨ ᠨᠡᠢ᠌ᠲᠡ ᠵᠢᠨ ᠡᠭᠦᠯᠡᠨ ᠲᠠᠪᠴᠠᠩ᠎ᠤᠨ ᠦᠢ᠍ᠯᠡᠴᠢᠯᠡᠭᠡᠨ᠎ᠤ ᠰᠢᠰᠲᠸᠮᠵᠢ᠂ ᠰᠣᠶᠣᠯ᠎ᠤᠨ ᠰᠢᠨ᠎ᠡ ᠮᠠᠶᠢᠭ᠎ᠤᠨ ᠡᠵᠡᠩᠨᠡᠯᠲᠡ ᠵᠢᠨ ᠪᠠᠶ᠋ᠢᠳᠠᠯ ᠲᠥᠯᠥᠪ ᠬᠢᠭᠡᠳ ᠵᠢᠭᠤᠯᠴᠢᠯᠠᠯ᠎ᠤᠨ ᠰᠦᠯᠵᠢᠶᠡᠨ ᠳᠡᠭᠡᠷᠡᠬᠢ ᠦᠢ᠍ᠯᠡᠴᠢᠯᠡᠭᠡ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠵᠠᠩᠭᠢ ᠪᠣᠯᠤᠨ ᠮᠡᠳᠡᠭᠡ ᠵᠠᠩᠭᠢ᠎ᠪᠠᠷ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠂ ᠵᠢᠴᠢ ᠤᠯᠤᠰ᠎ᠤᠨ ᠭᠠᠵᠠᠷ ᠰᠢᠷᠤᠢ᠂ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠡᠨ᠋ᠸᠷᠬᠢ᠂ ᠤᠰᠤᠨ ᠠᠰᠢᠭᠯᠠᠯᠲᠠ᠂ ᠣᠶ ᠰᠢᠭᠤᠶ ᠵᠡᠷᠭᠡ ᠠᠮᠢ ᠠᠬᠤᠢ ᠵᠢᠨ ᠬᠦᠷᠢᠶ᠎ᠡ ᠬᠡᠪᠴᠢᠶ᠎ᠡ ᠵᠢᠨ ᠤᠶᠤᠨᠴᠢᠯᠠᠯᠲᠠ ᠵᠢ ᠳᠤᠪᠤᠢ᠌ᠯᠭ᠋ᠠᠪᠠ; 《1》 ᠭᠡᠰᠡᠨ᠎ᠨᠢ ᠳᠠᠷᠤᠢ ᠢᠨᠲᠸᠷ ᠰᠦᠯᠵᠢᠶ᠎ᠡ ᠪᠣᠯᠤᠨ ᠡᠭᠦᠯᠡᠨ ᠪᠣᠳᠤᠯᠲᠠ᠂ ᠶᠡᠬᠡ ᠲᠣᠭ᠎ᠠ ᠪᠠᠷᠢᠮᠳᠠ᠂ ᠪᠤᠳᠠᠰᠯᠢᠭ ᠬᠣᠯᠪᠤᠭ᠋ᠠᠲᠤ ᠰᠦᠯᠵᠢᠶ᠎ᠡ᠂ ᠰᠢᠯᠵᠢᠮᠡᠯ ᠴᠢᠮᠡᠭᠡ ᠬᠤᠯᠪᠤᠭ᠎ᠠ ᠵᠡᠷᠭᠡ ᠰᠢᠨ᠎ᠡ ᠨᠢᠭᠡᠨ ᠦᠶ᠎ᠡ ᠵᠢᠨ ᠮᠡᠳᠡᠭᠡ ᠵᠠᠩᠬᠢ ᠵᠢᠨ ᠮᠡᠷᠭᠡᠵᠢᠯ᠎ᠤᠨ ᠠᠵᠤ ᠦᠢ᠍ᠯᠡᠰ ᠦᠢ᠍ᠯᠡᠰ᠎ᠤᠨ ᠨᠡᠢ᠌ᠯᠡᠯᠳᠦᠨ ᠬᠦᠭᠵᠢᠬᠦ ᠵᠢ ᠢᠳᠡᠪᠬᠢᠲᠡᠢ ᠲᠦᠯᠬᠢᠨ ᠠᠬᠢᠭᠤᠯᠵᠤ᠂ ᠢᠨᠲᠸᠷ ᠰᠦᠯᠵᠢᠶᠡᠨ ᠦᠢ᠍ᠯᠡᠴᠢᠯᠡᠭᠡᠨ᠎ᠤ ᠦᠢ᠍ᠯᠡᠰ᠎ᠢ ᠪᠤᠢ᠌ᠵᠢᠭᠤᠯᠤᠨ᠎ᠠ᠃
ᠪᠢ ᠲᠡᠭᠦᠨ᠎ᠤ ᠳᠣᠲᠤᠷᠠᠬᠢ 《ᠢᠨᠲᠸᠷ ᠰᠦᠯᠵᠢᠶ᠎ᠡ +》 ᠠᠵᠤ ᠦᠢ᠍ᠯᠡᠳᠪᠦᠷᠢ᠂ ᠵᠠᠰᠠᠭ᠎ᠤᠨ ᠶᠠᠪᠤᠳᠠᠯ ᠡᠨᠡ ᠬᠣᠶᠠᠷ ᠬᠥᠷᠢᠶ᠎ᠡ ᠬᠡᠪᠴᠢᠶ᠎ᠡ ᠵᠢ ᠭᠣᠣᠯᠳᠠᠯᠭ᠎ᠠ᠎ᠲᠠᠢ ᠶᠠᠷᠢᠶ᠎ᠠ᠃
《ᠢᠨᠲᠸᠷ ᠰᠦᠯᠵᠢᠶ᠎ᠡ +》 ᠠᠵᠤ ᠦᠢ᠍ᠯᠡᠳᠪᠦᠷᠢ ᠵᠢᠨ ᠲᠠᠯ᠎ᠠ᠎ᠪᠠᠷ᠂ ᠨᠡᠭᠦᠷᠡᠰᠦ᠂ ᠴᠠᠬᠢᠯᠭ᠋ᠠᠨ ᠬᠦᠴᠦᠨ᠂ ᠲᠡᠮᠦᠷᠯᠢᠭ ᠬᠠᠢ᠌ᠯᠠᠭᠤᠯᠬᠤ᠂ ᠬᠢᠮᠢ ᠵᠢᠨ ᠠᠵᠤ ᠦᠢ᠍ᠯᠡᠳᠪᠦᠷᠢ᠂ ᠲᠠᠷᠢᠶᠠᠯᠠᠩ᠎ᠤᠨ ᠪᠦᠲᠦᠭᠡᠭᠳᠡᠭᠦᠨ ᠮᠠᠯ᠎ᠤᠨ ᠠᠰᠢᠭ ᠰᠢᠮ᠎ᠡ ᠵᠢ ᠡᠳ᠋ᠰᠢᠭᠦᠯᠬᠦ᠂ ᠲᠣᠨᠣᠭ ᠲᠥᠬᠥᠭᠡᠷᠦᠮᠵᠢ ᠵᠡᠷᠭᠡ ᠭᠣᠣᠯᠳᠠᠯᠭ᠎ᠠ᠎ᠲᠠᠢ ᠠᠵᠢᠯ ᠲᠦᠷᠦᠯ ᠪᠣᠯᠤᠨ ᠭᠣᠣᠯᠳᠠᠯᠭ᠎ᠠ᠎ᠲᠠᠢ ᠠᠵᠤ ᠠᠬᠤᠢ᠌ᠯᠠᠯ᠎ᠳᠤ ᠲᠣᠳᠤᠷᠬᠠᠢ ᠬᠠᠨᠳᠤᠭᠤᠯᠤᠨ᠂ 《ᠢᠨᠲᠸᠷ ᠰᠦᠯᠵᠢᠶ᠎ᠡ +》 ᠵᠢ ᠲᠦᠯᠬᠢᠨ ᠠᠬᠢᠭᠤᠯᠬᠤ ᠡᠷᠴᠢᠮ᠎ᠢ ᠴᠢᠩᠭ᠋ᠠᠷᠠᠭᠤᠯᠵᠤ᠂ ᠤᠶᠤᠨᠴᠢ ᠦᠢ᠍ᠯᠡᠳᠬᠦ ᠪᠠ ᠮᠡᠳᠡᠭᠡ ᠵᠠᠩᠬᠢᠵᠢᠯᠲᠠ ᠠᠵᠤ ᠦᠢ᠍ᠯᠡᠳᠪᠦᠷᠢᠵᠢᠯᠲᠡ ᠭᠦᠨᠵᠡᠭᠡᠢ ᠠᠭᠤᠰᠤᠯᠴᠠᠨ ᠨᠡᠢ᠌ᠯᠡᠭᠰᠡᠨ ᠬᠠᠮᠢᠶᠠᠷᠤᠯᠲᠠ ᠵᠢᠨ ᠰᠢᠰᠲᠸᠮᠵᠢ ᠵᠢᠨ ᠪᠠᠷᠢᠮᠵᠢᠶ᠎ᠠ ᠵᠢ ᠲᠤᠤᠱ᠌ᠠᠯᠠᠭᠣᠯᠬᠤ ᠪᠠᠷᠢᠮᠵᠢᠶ᠎ᠠ᠎ᠪᠠᠷ ᠬᠠᠷᠢᠴᠠᠭᠤᠯᠬᠤ ᠠᠵᠢᠯ᠎ᠢ ᠦᠷᠨᠢᠭᠦᠯᠬᠦ ᠪᠣᠯᠤᠨ᠎ᠠ᠃ ᠢᠨᠲᠸᠷ ᠰᠦᠯᠵᠢᠶ᠎ᠡ᠎ᠳᠤ ᠰᠠᠭᠤᠷᠢᠯᠠᠭᠰᠠᠨ ᠦᠪᠡᠷᠮᠢᠴᠡ ᠴᠢᠨᠠᠷᠲᠠᠢ ᠦᠢ᠍ᠯᠡᠳᠬᠦ᠂ ᠦᠷᠭᠡᠨ ᠲᠦᠮᠡᠨ᠎ᠤ ᠳᠠᠭ᠋ᠠᠭ᠋ᠠᠴᠢᠯᠠᠯᠲᠠ ᠵᠢᠨ ᠵᠢᠷᠤᠭ ᠲᠥᠯᠥᠪᠯᠡᠭᠡ᠂ ᠡᠭᠦᠯᠡᠨ ᠦᠢ᠍ᠯᠡᠳᠬᠦ ᠵᠡᠷᠭᠡ ᠰᠢᠨ᠎ᠡ ᠮᠠᠶᠢᠭ᠎ᠤᠨ ᠦᠢ᠍ᠯᠡᠳᠬᠦ ᠵᠠᠭᠪᠤᠷ᠎ᠢ ᠬᠦᠭᠵᠢᠭᠦᠯᠵᠦ᠂ ᠬᠡᠷᠡᠭᠯᠡᠭᠡᠨ᠎ᠤ ᠬᠡᠷᠡᠭᠴᠡᠭᠡ ᠵᠢᠨ ᠬᠦᠳᠡᠯᠦᠩᠭᠦᠢ ᠮᠡᠳᠡᠷᠡᠴᠡ᠎ᠳᠤ ᠰᠠᠭᠤᠷᠢᠯᠠᠭᠰᠠᠨ ᠰᠣᠳᠤᠯᠤᠨ ᠨᠡᠬᠡᠬᠡᠭᠦ᠂ ᠦᠢ᠍ᠯᠡᠳᠬᠦ ᠪᠣᠯᠤᠨ ᠠᠵᠤ ᠦᠢ᠍ᠯᠡᠰ᠎ᠤᠨ ᠵᠤᠬᠢᠶᠠᠨ ᠪᠠᠢ᠌ᠭᠤᠯᠤᠯᠲᠠ ᠵᠢᠨ ᠠᠷᠭ᠎ᠠ ᠮᠠᠶᠢᠭ᠎ᠤᠨ ᠪᠣᠢ ᠪᠤᠯᠠᠬᠤ ᠵᠢ ᠠᠬᠢᠭᠤᠯᠤᠨ᠎ᠠ᠃ ᠠᠵᠤ ᠦᠢ᠍ᠯᠡᠳᠪᠦᠷᠢ ᠵᠢᠨ ᠦᠢ᠍ᠯᠡᠴᠢᠯᠡᠭᠡᠨ᠎ᠤ ᠲᠠᠪᠴᠠᠩ ᠬᠢᠭᠡᠳ ᠶᠡᠬᠡ ᠲᠣᠭ᠎ᠠ ᠪᠠᠷᠢᠮᠳᠠ ᠵᠢᠨ ᠰᠢᠨᠡᠢ ᠡᠭᠦᠳᠬᠦ ᠦᠢ᠍ᠯᠡᠴᠢᠯᠡᠭᠡᠨ᠎ᠤ ᠲᠠᠪᠴᠠᠩ᠎ᠤᠨ ᠪᠠᠢ᠌ᠭᠤᠯᠤᠯᠲᠠ ᠪᠠ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠵᠢ ᠲᠦᠷᠭᠡᠳᠬᠡᠨ᠂ ᠵᠦᠭᠡᠯᠡᠨ ᠬᠡᠷᠡᠭᠰᠡᠯ ᠬᠢᠭᠡᠳ ᠦᠢ᠍ᠯᠡᠴᠢᠯᠡᠭᠡᠨ᠂ ᠲᠦᠯᠦᠪᠯᠡᠯᠭᠡ ᠬᠢᠭᠡᠳ ᠦᠢ᠍ᠯᠡᠳᠬᠦ ᠡᠬᠢ ᠪᠠᠶᠠᠯᠢᠭ᠂ ᠵᠠᠩᠭᠢᠯᠠᠭ᠎ᠠ ᠵᠢᠨ ᠮᠡᠷᠭᠡᠵᠢᠯ ᠬᠢᠭᠡᠳ ᠪᠠᠷᠢᠮᠵᠢᠶ᠎ᠠ ᠵᠢ ᠴᠢᠯᠦᠭᠡᠲᠡᠢ ᠲᠠᠯᠪᠢᠨ ᠬᠠᠮᠲᠤ᠎ᠪᠠᠷ ᠡᠳ᠋ᠯᠡᠬᠦ ᠵᠢ ᠲᠦᠯᠬᠢᠨ ᠠᠬᠢᠭᠤᠯᠵᠤ᠂ ᠰᠦᠯᠵᠢᠶᠡᠨ ᠳᠡᠭᠡᠷ᠎ᠡ ᠰᠣᠳᠤᠯᠤᠨ ᠨᠡᠬᠡᠬᠡᠬᠦ ᠵᠢᠷᠤᠭ ᠲᠦᠯᠦᠪᠯᠡᠯᠭᠡ ᠬᠢᠬᠦ᠂ ᠬᠠᠮᠲᠤᠷᠠᠨ ᠬᠠᠩᠭ᠋ᠠᠬᠤ ᠬᠡᠯᠬᠢᠶ᠎ᠡ ᠵᠢᠨ ᠬᠠᠮᠢᠶᠠᠷᠤᠯᠲᠠ᠂ ᠬᠠᠮᠲᠤᠷᠠᠨ ᠦᠢ᠍ᠯᠡᠳᠬᠦ ᠰᠢᠨ᠎ᠡ ᠡᠵᠡᠩᠨᠡᠯᠲᠡ ᠵᠢᠨ ᠪᠠᠶ᠋ᠢᠳᠠᠯ ᠲᠦᠯᠦᠪᠢ ᠪᠣᠢ ᠪᠣᠯᠭ᠋ᠠᠨ᠎ᠠ᠃ 2020 ᠣᠨ ᠪᠣᠯᠬᠤ᠎ᠳᠤ᠂ ᠤᠶᠤᠨᠲᠤ ᠠᠵᠤ ᠦᠢ᠍ᠯᠡᠳᠪᠦᠷᠢ 50 ᠵᠢ ᠪᠠᠢ᠌ᠭᠤᠯᠵᠤ ᠳᠠᠭᠤᠰᠬᠠᠨ᠂ ᠤᠶᠤᠨ ᠪᠢᠯᠢᠭ ᠪᠦᠬᠦᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ10 ᠵᠢ ᠪᠠᠢ᠌ᠭᠤᠯᠤᠨ᠎ᠠ᠃
ᠵᠠᠩ ᠪᠠᠢ ᠴᠸᠩ᠄
《ᠢᠨᠲᠸᠷ ᠰᠦᠯᠵᠢᠶ᠎ᠡ +》 ᠵᠠᠰᠠᠭ᠎ᠤᠨ ᠶᠠᠪᠤᠳᠠᠯ᠎ᠤᠨ ᠲᠠᠯ᠎ᠠ᠎ᠪᠠᠷ᠂ ᠡᠭᠦᠯᠡᠨ ᠪᠣᠳᠤᠯᠲᠠ ᠪᠠ ᠢᠨᠲᠸᠷ ᠰᠦᠯᠵᠢᠶ᠎ᠡ᠎ᠳᠤ ᠰᠠᠭᠤᠷᠢᠯᠠᠭᠰᠠᠨ ᠡᠯᠸᠺᠲᠷᠣᠨ ᠵᠠᠰᠠᠭ᠎ᠤᠨ ᠶᠠᠪᠤᠳᠠᠯ᠎ᠤᠨ ᠤᠯᠠᠨ ᠨᠡᠢ᠌ᠲᠡ ᠵᠢᠨ ᠲᠠᠪᠴᠠᠩ᠎ᠤᠨ ᠪᠠᠢ᠌ᠭᠤᠯᠤᠯᠲᠠ ᠬᠢᠭᠡᠳ ᠬᠡᠷᠡᠭᠯᠡᠯᠲᠡ ᠵᠢ ᠢᠳᠡᠪᠬᠢᠲᠡᠢ ᠦᠷᠨᠢᠭᠦᠯᠵᠦ᠂ ᠵᠠᠰᠠᠭ᠎ᠤᠨ ᠤᠷᠳᠤᠨ ᠡᠭᠦᠯᠡᠨ ᠦᠢ᠍ᠯᠡᠴᠢᠯᠡᠭᠡᠨ ᠬᠤᠳᠠᠯᠳᠤᠨ ᠠᠪᠬᠤ ᠵᠠᠭᠪᠤᠷ᠎ᠢ ᠳᠡᠯᠭᠡᠷᠡᠭᠦᠯᠦᠨ᠎ᠡ᠃ ᠮᠠᠨ᠎ᠤ ᠤᠷᠤᠨ᠎ᠳᠤ ᠶᠠᠭ ᠪᠣᠢ ᠪᠤᠯᠵᠤ ᠪᠠᠢ᠌ᠭ᠎ᠠ ᠡᠭᠦᠯᠡᠨ ᠪᠤᠳᠤᠯᠲᠠ ᠵᠢᠨ ᠲᠣᠭ᠎ᠠ ᠪᠠᠷᠢᠮᠳᠠ ᠵᠢᠨ ᠲᠥᠪ᠎ᠤᠨ ᠡᠬᠢ ᠪᠠᠶᠠᠯᠢᠭ᠎ᠢ ᠭᠦᠢ᠍ᠴᠡᠳ ᠠᠰᠢᠭᠯᠠᠨ᠂ ᠦᠪᠡᠷᠲᠡᠭᠡᠨ ᠵᠠᠰᠠᠬᠤ ᠤᠷᠤᠨ᠎ᠤ ᠡᠯᠸᠺᠲᠷᠣᠨ ᠵᠠᠰᠠᠭ᠎ᠤᠨ ᠶᠠᠪᠤᠳᠠᠯ᠎ᠤᠨ ᠭᠠᠳᠠᠭ᠋ᠠᠳᠤ ᠰᠦᠯᠵᠢᠶ᠎ᠡ᠎ᠳᠤ ᠰᠠᠭᠤᠷᠢᠯᠠᠨ᠂ ᠡᠯᠸᠺᠲᠷᠣᠨ ᠵᠠᠰᠠᠭ᠎ᠤᠨ ᠶᠠᠪᠤᠳᠠᠯ᠎ᠤᠨ ᠡᠭᠦᠯᠡᠨ ᠲᠥᠪ᠎ᠢ ᠪᠠᠢ᠌ᠭᠤᠯᠤᠨ ᠲᠡᠭᠦᠯᠳᠡᠷᠵᠢᠭᠦᠯᠵᠦ᠂ ᠦᠪᠡᠷᠲᠡᠭᠡᠨ ᠵᠠᠰᠠᠬᠤ ᠤᠷᠤᠨ᠎ᠤ ᠡᠯ᠎ᠡ ᠰᠠᠯᠠᠭ᠎ᠠ ᠮᠦᠴᠢᠷ᠎ᠤᠨ ᠮᠡᠳᠡᠭᠡ ᠵᠠᠩᠬᠢ ᠵᠢᠨ ᠰᠢᠰᠲ᠋ᠧᠮ᠎ᠢ ᠠᠯᠬᠤᠮ ᠠᠯᠬᠤᠮ ᠵᠶ᠋ᠡᠷ ᠨᠡᠭᠦᠯᠭᠡᠵᠦ᠂ ᠬᠡᠷᠡᠭᠯᠡᠯᠲᠡ ᠵᠢ᠎ᠨᠢ ᠠᠯᠬᠤᠮ ᠠᠯᠬᠤᠮ ᠵᠶ᠋ᠠᠷ ᠦᠷᠭᠡᠳᠭᠡᠨ᠎ᠡ᠃ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠬᠦ᠂ ᠠᠷᠠᠳ᠎ᠲᠤ ᠳᠦᠭᠦᠮ ᠦᠵᠡᠭᠦᠯᠬᠦ ᠦᠢ᠍ᠯᠡᠴᠢᠯᠡᠭᠡ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠡᠷᠭᠡ ᠴᠢᠳᠠᠮᠵᠢ ᠵᠢ ᠨᠢᠭᠡ ᠴᠣᠭᠴᠠᠵᠢᠭᠤᠯᠤᠭᠰᠠᠨ ᠦᠪᠡᠷᠲᠡᠭᠡᠨ ᠵᠠᠰᠠᠬᠤ ᠤᠷᠤᠨ᠂ ᠠᠢ᠌ᠮᠠᠭ ᠬᠣᠲᠠ᠂ ᠬᠤᠰᠢᠭᠤ ᠰᠢᠶᠠᠨ ᠭᠤᠷᠪᠠᠨ ᠱᠠᠲᠤ ᠬᠠᠮᠲᠤᠷᠠᠨ ᠬᠥᠳᠡᠯᠦᠯᠴᠡᠬᠦ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠲᠢᠩᠬᠢᠮ᠎ᠢ ᠲᠦᠷᠭᠡᠳᠬᠡᠨ ᠪᠠᠢ᠌ᠭᠤᠯᠵᠤ᠂ ᠵᠠᠰᠠᠭ ᠵᠠᠬᠢᠷᠭ᠋ᠠᠨ᠎ᠤ ᠦᠢ᠍ᠯᠡᠴᠢᠯᠡᠭᠡᠨ᠎ᠤ ᠪᠣᠳᠠᠲᠤ ᠴᠣᠭᠴᠠ ᠲᠢᠩᠬᠢᠮ᠎ᠯᠦᠭᠡ ᠨᠡᠢ᠌ᠯᠡᠭᠦᠯᠬᠦ ᠵᠢ ᠪᠡᠶᠡᠯᠡᠭᠦᠯᠦᠨ᠎ᠡ᠃
ᠬᠦᠲᠦᠯᠦᠭᠴᠢ᠄
ᠮᠠᠨ᠎ᠤ ᠤᠷᠤᠨ᠎ᠤ 《ᠢᠨᠲᠸᠷ ᠰᠦᠯᠵᠢᠶ᠎ᠡ +》 ᠠᠵᠢᠯ᠎ᠢ ᠲᠦᠷᠭᠡᠳᠬᠡᠨ ᠠᠬᠢᠭᠤᠯᠬᠤ ᠲᠤᠬᠠᠢ ᠵᠢᠯᠤᠭᠤᠳᠬᠤ ᠰᠠᠨᠠᠯ᠎ᠨᠢ ᠶᠠᠮᠠᠷ ᠶᠠᠮᠠᠷ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ 《ᠰᠠᠨᠠᠯ》 ᠵᠶ᠋ᠡᠷ ᠪᠣᠳᠠᠲᠤ ᠭᠠᠵᠠᠷ᠎ᠲᠤᠨᠢ ᠨᠠᠢ᠌ᠳᠠᠪᠦᠷᠢᠵᠢᠭᠤᠯᠤᠭᠰᠠᠨ ᠪᠤᠶ?
ᠵᠠᠩ ᠪᠠᠢ ᠴᠸᠩ᠄
ᠲᠥᠷᠦ ᠵᠢᠨ ᠪᠣᠳᠤᠯᠭ᠎ᠠ ᠵᠢᠨ ᠠᠷᠭ᠎ᠠ ᠬᠡᠮᠵᠢᠶ᠎ᠡ᠎ᠠᠴᠠ ᠠᠪᠴᠤ ᠦᠵᠡᠪᠡᠯ᠂ ᠭᠣᠣᠯᠳᠠᠭᠤ ᠠᠵᠤ ᠦᠢ᠍ᠯᠡᠰ᠎ᠤᠨ ᠴᠤᠭᠯᠠᠷᠠᠯ᠎ᠢ ᠠᠬᠢᠭᠤᠯᠬᠤ᠂ ᠳᠠᠭ᠋ᠠᠭᠤᠯᠤᠭᠴᠢ ᠠᠵᠤ ᠠᠬᠤᠢ᠌ᠯᠠᠯ᠎ᠢ ᠪᠣᠢ᠌ᠵᠢᠭᠤᠯᠬᠤ᠂ ᠰᠢᠨ᠎ᠡ ᠵᠢ ᠡᠭᠦᠳᠴᠦ ᠠᠳᠠᠯ ᠦᠢ᠍ᠯᠡᠰ ᠴᠤᠭᠴᠠᠯᠠᠬᠤ ᠵᠢ ᠵᠣᠷᠢᠭᠵᠢᠭᠤᠯᠬᠤ᠂ ᠵᠠᠬ᠎ᠠ ᠳᠡᠯᠭᠡᠭᠦᠷ ᠵᠶ᠋ᠠᠷ ᠳᠠᠢ᠌ᠴᠢᠯᠠᠬᠤ ᠵᠢ ᠴᠢᠩᠭ᠋ᠠᠷᠠᠭᠤᠯᠬᠤ᠂ ᠴᠢᠳᠠᠪᠦᠷᠢᠲᠡᠨ ᠵᠶ᠋ᠠᠷ ᠲᠤᠯᠭ᠋ᠠᠭᠤᠷᠢᠯᠠᠭᠤᠯᠬᠤ ᠵᠢ ᠴᠢᠩᠭ᠋ᠠᠳᠬᠠᠬᠤ᠂ ᠪᠡᠯᠡ ᠮᠦᠩᠭᠦ ᠵᠢᠨ ᠳᠡᠮᠵᠢᠯᠭᠡ ᠵᠢ ᠨᠡᠮᠡᠭᠳᠡᠭᠦᠯᠬᠦ ᠲᠣᠭᠤᠷᠢᠨ᠎ᠳᠤ ᠡᠳᠡᠭᠡᠷ ᠲᠠᠯ᠎ᠠ ᠵᠢᠨ ᠠᠵᠢᠯ᠎ᠢ ᠰᠠᠢ᠌ᠲᠤᠷ ᠬᠢᠬᠦ ᠬᠡᠷᠡᠭᠲᠡᠢ ᠪᠠᠢ᠌ᠨ᠎ᠠ᠃
ᠨᠢᠭᠡ᠎ᠳᠤ ᠠᠵᠤ ᠦᠢ᠍ᠯᠡᠰ᠎ᠤᠨ ᠴᠤᠭᠯᠠᠷᠠᠯ᠎ᠢ ᠠᠬᠢᠭᠤᠯᠬᠤ ᠲᠠᠯ᠎ᠠ᠎ᠪᠠᠷ᠂ ᠢᠨᠲᠸᠷ ᠰᠦᠯᠵᠢᠶᠡᠨ ᠠᠵᠤ ᠠᠬᠤᠶ ᠲᠥᠪᠯᠡᠷᠡᠭᠰᠡᠨ ᠣᠷᠣᠨ᠎ᠢ ᠲᠦᠯᠦᠪᠵᠢᠭᠦᠯᠦᠨ ᠪᠦᠲᠦᠭᠡᠨ ᠪᠠᠢ᠌ᠭᠤᠯᠵᠤ᠂ ᠨᠦᠭᠦᠴᠡᠯ᠎ᠳᠤ ᠨᠡᠢ᠌ᠴᠡᠬᠦ ᠢᠨᠲᠸᠷ ᠰᠦᠯᠵᠢᠶᠡᠨ ᠬᠦᠷᠢᠶᠡᠯᠡᠩ ᠲᠣᠭᠤᠷᠢᠭ᠂ ᠠᠵᠤ ᠠᠬᠤᠢ᠌ᠯᠠᠯ ᠬᠢᠭᠡᠳ ᠭᠣᠣᠯᠳᠠᠯᠭ᠎ᠠ᠎ᠲᠠᠢ ᠲᠦᠷᠦᠯ ᠵᠦᠢ᠍ᠯ᠎ᠳᠤ ᠭᠠᠵᠠᠷ ᠰᠢᠷᠤᠢ᠂ ᠴᠠᠬᠢᠯᠭ᠋ᠠᠨ᠎ᠤ ᠦᠨ᠎ᠡ᠂ ᠤᠯᠠᠨ ᠨᠡᠢ᠌ᠲᠡ ᠵᠢᠨ ᠡᠬᠢ ᠪᠠᠶᠠᠯᠢᠭ ᠵᠡᠷᠭᠡ ᠲᠠᠯ᠎ᠠ᠎ᠪᠠᠷ ᠲᠥᠷᠦ ᠵᠢᠨ ᠪᠣᠳᠤᠯᠭ᠎ᠠ ᠵᠢᠨ ᠳᠡᠮᠵᠢᠯᠭᠡ ᠦᠵᠡᠭᠦᠯᠦᠨ᠎ᠡ᠃
ᠬᠣᠶᠠᠷ᠎ᠲᠤ ᠪᠣᠯ ᠳᠠᠭ᠋ᠠᠭᠤᠯᠤᠭᠴᠢ ᠠᠵᠤ ᠠᠬᠤᠢ᠌ᠯᠠᠯ᠎ᠢ ᠪᠣᠢ᠌ᠵᠢᠭᠤᠯᠬᠤ ᠲᠠᠯ᠎ᠠ᠎ᠪᠠᠷ᠂ ᠠᠷᠠᠯᠵᠢᠶᠠᠴᠢᠨ᠎ᠢ ᠤᠷᠢᠬᠤ ᠵᠠᠭᠪᠤᠷ᠎ᠤᠨ ᠰᠢᠨ᠎ᠡ ᠵᠢ ᠡᠭᠦᠳᠴᠦ᠂ ᠮᠡᠳᠡᠭᠡ ᠵᠠᠩᠬᠢ ᠵᠢᠨ ᠮᠡᠷᠭᠡᠵᠢᠯ᠎ᠤᠨ ᠠᠵᠢᠯ ᠲᠥᠷᠦᠯ᠎ᠤᠨ ᠨᠢᠭᠡ ᠪᠦᠯᠦᠭ ᠳᠠᠭ᠋ᠠᠭᠤᠯᠤᠭᠴᠢ ᠵᠢ ᠣᠷᠤᠭᠤᠯᠵᠤ ᠢᠷᠡᠬᠦ ᠵᠢᠨ ᠬᠠᠮᠲᠤ ᠪᠣᠢ ᠪᠤᠯᠭ᠋ᠠᠵᠤ᠂ ᠠᠩᠬ᠎ᠠ ᠤᠳᠠᠭ᠎ᠠ ᠪᠦᠬᠦ ᠤᠯᠤᠰ᠎ᠤᠨ ᠢᠨᠲᠸᠷ ᠰᠦᠯᠵᠢᠶ᠎ᠡ ᠵᠢᠨ ᠵᠠᠭᠤᠨ ᠬᠦᠴᠦᠷᠬᠡᠭ ᠠᠵᠤ ᠠᠬᠤᠶ᠋ᠢᠯᠠᠯ ᠪᠤᠶᠤ ᠪᠦᠬᠦ ᠤᠯᠤᠰ᠎ᠤᠨ ᠵᠦᠭᠡᠯᠡᠨ ᠬᠡᠷᠡᠭᠰᠡᠯ᠎ᠤᠨ ᠵᠠᠭᠤᠨ ᠬᠦᠴᠦᠷᠬᠡᠭ᠎ᠤᠨ ᠠᠵᠤ ᠠᠬᠤᠢ᠌ᠯᠠᠯ ᠵᠢᠨ ᠬᠡᠪᠴᠢᠶᠡᠨ᠎ᠳᠤ ᠣᠷᠤᠪᠠᠯ ᠱᠠᠩᠨᠠᠯ ᠣᠯᠭᠤᠨ᠎ᠠ᠃
ᠭᠤᠷᠪᠠ᠎ᠳᠤ ᠪᠣᠯ ᠰᠢᠨ᠎ᠡ ᠵᠢ ᠡᠭᠦᠳᠴᠦ ᠠᠳᠠᠯ ᠦᠢ᠍ᠯᠡᠰ ᠴᠤᠭᠴᠠᠯᠠᠬᠤ ᠲᠠᠯ᠎ᠠ᠎ᠪᠠᠷ᠂ ᠵᠠᠬ᠎ᠠ ᠳᠡᠯᠭᠡᠭᠦᠷ᠎ᠲᠤ ᠵᠦᠪᠰᠢᠶᠡᠷᠡᠨ ᠣᠷᠤᠭᠤᠯᠬᠤ ᠨᠦᠭᠦᠴᠡᠯ᠎ᠢ ᠠᠭᠤᠵᠢᠭᠤ ᠲᠠᠯᠪᠢᠵᠤ᠂ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠬᠦ ᠭᠠᠷᠳᠠᠮ᠎ᠢ ᠳᠦᠭᠦᠮᠴᠢᠯᠡᠨ᠂ ᠤᠶᠤᠲᠠᠳ᠎ᠤᠨ ᠰᠢᠨ᠎ᠡ ᠵᠢ ᠡᠭᠦᠳᠴᠦ ᠠᠳᠠᠯ ᠦᠢ᠍ᠯᠡᠰ ᠴᠤᠭᠴᠠᠯᠠᠬᠤ ᠵᠢ ᠲᠦᠯᠬᠢᠨ ᠠᠬᠢᠭᠤᠯᠵᠤ᠂ ᠢᠨᠲᠸᠷ ᠰᠦᠯᠵᠢᠶᠡᠨ ᠰᠢᠨ᠎ᠡ ᠵᠢ ᠡᠭᠦᠳᠴᠦ ᠠᠳᠠᠯ ᠦᠢ᠍ᠯᠡᠰ ᠴᠤᠭᠴᠠᠯᠠᠬᠤ ᠤᠷᠤᠯᠳᠤᠭ᠋ᠠᠨ ᠡᠷᠬᠢᠯᠡᠵᠦ᠂ ᠢᠨᠲᠸᠷ ᠰᠦᠯᠵᠢᠶᠡᠨ᠎ᠤ ᠦᠢ ᠣᠯᠠᠨ ᠵᠶ᠋ᠠᠷ ᠵᠶ᠋ᠠᠨ ᠠᠳᠠᠯ ᠦᠢ᠍ᠯᠡᠰ ᠴᠤᠭᠴᠠᠯᠠᠬᠤ ᠬᠦᠷᠢᠶᠡᠯᠡᠩ ᠡᠭᠦᠳᠦᠨ ᠪᠠᠢ᠌ᠭᠤᠯᠬᠤ ᠵᠢ ᠵᠣᠷᠢᠭᠵᠢᠭᠤᠯᠤᠨ᠂ ᠠᠳᠠᠯ ᠦᠢ᠍ᠯᠡᠰ ᠴᠤᠭᠴᠠᠯᠠᠬᠤ ᠦᠢ᠍ᠯᠡᠴᠢᠯᠡᠭᠡᠨ᠎ᠤ ᠲᠠᠪᠴᠠᠩ᠎ᠢ ᠳᠡᠮᠵᠢᠨ ᠬᠦᠭᠵᠢᠭᠦᠯᠦᠨ᠎ᠡ᠃
ᠵᠠᠩ ᠪᠠᠢ ᠴᠸᠩ᠄
ᠳᠥᠷᠪᠡ᠎ᠳᠤ ᠵᠠᠬ᠎ᠠ ᠳᠡᠯᠭᠡᠭᠦᠷ ᠵᠶ᠋ᠡᠷ ᠳᠠᠢ᠌ᠴᠢᠯᠠᠬᠤ ᠵᠢ ᠴᠢᠩᠭ᠋ᠠᠷᠠᠭᠤᠯᠬᠤ ᠲᠠᠯ᠎ᠠ᠎ᠪᠠᠷ᠂ ᠡᠭᠦᠯᠡᠨ ᠪᠣᠳᠤᠯᠲᠠ ᠪᠠ ᠢᠨᠲᠸᠷ ᠰᠦᠯᠵᠢᠶ᠎ᠡ ᠵᠢᠨ ᠤᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠠᠪᠴᠠᠩ᠎ᠳᠤ ᠰᠠᠭᠤᠷᠢᠯᠠᠭᠰᠠᠨ ᠮᠡᠳᠡᠭᠡ ᠵᠠᠩᠬᠢ ᠵᠢᠨ ᠦᠢ᠍ᠯᠡᠴᠢᠯᠡᠭᠡ ᠵᠢ ᠭᠠᠳᠠᠭᠰᠢ ᠳᠦᠷᠢᠶᠡᠰᠦᠯᠡᠭᠦᠯᠬᠦ ᠵᠢ ᠶᠠᠪᠤᠭᠤᠯᠵᠤ᠂ ᠭᠣᠣᠯᠳᠠᠯᠭ᠎ᠠ᠎ᠲᠠᠢ ᠳᠡᠳᠭᠥᠵᠦ ᠪᠠᠢ᠌ᠭ᠎ᠠ ᠢᠨᠲᠸᠷ ᠰᠦᠯᠵᠢᠶ᠎ᠡ ᠵᠢᠨ ᠠᠵᠤ ᠠᠬᠤᠢ᠌ᠯᠠᠯ᠎ᠤᠨ ᠦᠪᠡᠷᠲᠡᠭᠡᠨ ᠵᠠᠰᠠᠬᠤ ᠤᠷᠤᠨ᠎ᠤ ᠳᠣᠲᠤᠷᠠᠬᠢ ᠡᠭᠦᠯᠡᠨ ᠪᠣᠳᠤᠯᠲᠠ ᠵᠢᠨ ᠲᠣᠭ᠎ᠠ ᠪᠠᠷᠢᠮᠳᠠ ᠵᠢᠨ ᠲᠥᠪ᠎ᠤᠨ ᠦᠢ᠍ᠯᠡᠴᠢᠯᠡᠭᠡ ᠵᠢ ᠬᠤᠳᠠᠯᠳᠤᠨ ᠠᠪᠬᠤ ᠵᠢ ᠵᠣᠷᠢᠭᠵᠢᠭᠤᠯᠤᠨ᠎ᠠ᠃
ᠲᠠᠪᠤ᠎ᠳᠤ ᠴᠢᠳᠠᠪᠦᠷᠢᠲᠡᠨ ᠵᠶ᠋ᠡᠷ ᠲᠤᠯᠭ᠋ᠠᠭᠤᠷᠢᠯᠠᠭᠤᠯᠬᠤ ᠴᠢᠩᠭ᠋ᠠᠳᠬᠠᠬᠤ ᠲᠠᠯ᠎ᠠ᠎ᠪᠠᠷ᠂ ᠢᠨᠲᠸᠷ ᠰᠦᠯᠵᠢᠶ᠎ᠡ ᠵᠢᠨ ᠬᠣᠪᠤᠷ ᠴᠤᠬᠠᠭ ᠪᠠᠢ᠌ᠭ᠎ᠠ ᠴᠢᠳᠠᠪᠦᠷᠢᠲᠠᠨ᠎ᠢ ᠤᠷᠤᠭᠤᠯᠵᠤ ᠢᠷᠡᠬᠦ ᠪᠠ ᠬᠦᠮᠦᠵᠢᠭᠦᠯᠬᠦ ᠵᠢ ᠴᠢᠩᠭ᠋ᠠᠳᠬᠠᠨ᠂ ᠮᠠᠨ᠎ᠤ ᠤᠷᠤᠨ᠎ᠳᠤ ᠲᠦᠷᠦᠯ ᠵᠦᠢ᠍ᠯ ᠠᠪᠴᠢᠷᠠᠨ ᠠᠳᠠᠯ ᠦᠢ᠍ᠯᠡᠰ ᠴᠣᠭᠴᠠᠯᠠᠭᠰᠠᠨ᠂ ᠳᠣᠪᠤᠢ᠌ᠮ᠎ᠠ ᠬᠤᠪᠢ ᠨᠡᠮᠡᠷᠢ ᠦᠵᠡᠭᠦᠯᠦᠭᠰᠡᠨ ᠴᠢᠳᠠᠪᠦᠷᠢᠲᠠᠨ ᠬᠢᠭᠡᠳ ᠲᠡᠭᠦᠨ᠎ᠤ ᠪᠦᠯᠬᠦᠮ ᠨᠡᠢ᠌ᠲᠡ᠂ ᠪᠣᠯᠪᠠᠰᠤᠷᠠᠯ᠎ᠤᠨ ᠰᠠᠭᠤᠷᠢᠨ ᠭᠠᠵᠠᠷ ᠪᠦᠲᠦᠭᠡᠨ ᠪᠠᠢ᠌ᠭᠤᠯᠤᠭᠰᠠᠨ ᠠᠵᠤ ᠠᠬᠤᠢ᠌ᠯᠠᠯ᠎ᠳᠤ ᠪᠡᠯᠡ ᠮᠦᠩᠭᠦ ᠵᠡᠷᠭᠡ ᠵᠢᠨ ᠳᠡᠮᠵᠢᠯᠭᠡ ᠦᠵᠡᠭᠦᠯᠦᠨ᠎ᠡ᠃
ᠵᠢᠷᠭᠤᠭ᠎ᠠ᠎ᠳᠤ ᠪᠡᠯᠡ ᠮᠥᠩᠭᠦ ᠵᠢᠨ ᠳᠡᠮᠵᠢᠯᠭᠡ ᠵᠢ ᠨᠡᠮᠡᠭᠳᠡᠭᠦᠯᠬᠦ ᠲᠠᠯ᠎ᠠ᠎ᠪᠠᠷ᠂ ᠪᠡᠯᠡ ᠤᠷᠤᠭᠤᠯᠵᠤ ᠪᠡᠯᠡ ᠲᠣᠬᠢᠷᠠᠭᠤᠯᠬᠤ ᠣᠯᠠᠨ ᠵᠦᠢ᠍ᠯ᠎ᠤᠨ ᠠᠷᠭ᠎ᠠ ᠮᠠᠶᠢᠭ᠎ᠢ ᠬᠡᠷᠡᠭᠯᠡᠨ᠂ ᠠᠵᠤ ᠦᠢ᠍ᠯᠡᠰ᠎ᠤᠨ ᠬᠥᠭᠵᠢᠯᠲᠡ ᠵᠢᠨ ᠰᠠᠭᠤᠷᠢ ᠮᠥᠩᠭᠥ ᠪᠠᠢ᠌ᠭᠤᠯᠵᠤ᠂ ᠢᠨᠲᠸᠷ ᠰᠦᠯᠵᠢᠶᠡᠨ ᠠᠵᠤ ᠠᠬᠤᠢ ᠵᠢ ᠳᠡᠮᠵᠢᠨ᠎ᠡ᠃ ᠰᠢᠨ᠎ᠡ᠎ᠪᠠᠷ ᠦᠨᠡᠮᠰᠢᠭᠰᠡᠨ ᠢᠨᠲᠸᠷ ᠰᠦᠯᠵᠢᠶ᠎ᠡ ᠵᠢᠨ ᠰᠢᠨ᠎ᠡ ᠵᠢ ᠡᠭᠦᠳᠬᠦ ᠲᠠᠪᠴᠠᠩ᠂ ᠵᠢᠴᠢ ᠰᠢᠨ᠎ᠡ ᠭᠤᠷᠪᠠᠳᠤᠭ᠋ᠠᠷ ᠰᠠᠮᠪᠠᠷ᠎ᠲᠤ ᠠᠮᠵᠢᠯᠲᠠ᠎ᠲᠠᠢ ᠫᠠᠢ᠌ᠰᠠ ᠡᠯᠭᠦᠭᠰᠡᠨ ᠢᠨᠲᠸᠷ ᠰᠦᠯᠵᠢᠶ᠎ᠡ ᠵᠢᠨ ᠬᠠᠮᠢᠶ᠎ᠠ ᠪᠦᠬᠦᠢ ᠠᠵᠤ ᠠᠬᠤᠢ᠌ᠯᠠᠯ᠎ᠳᠤ ᠳᠡᠮᠵᠢᠯᠭᠡ ᠦᠵᠡᠭᠦᠯᠦᠨ᠎ᠡ᠃
ᠬᠦᠲᠦᠯᠦᠭᠴᠢ᠄
ᠰᠠᠶᠢ ᠪᠢᠳᠡ ᠡᠳᠡᠭᠡᠷ ᠠᠷᠭ᠎ᠠ ᠬᠡᠮᠵᠢᠶ᠎ᠡ ᠵᠢᠨ ᠪᠠᠲᠤᠯᠠᠭ᠎ᠠ ᠵᠢ 《ᠰᠠᠨᠠᠯ》᠎ᠳᠤ ᠪᠣᠳᠠᠲᠤ ᠭᠠᠵᠠᠷ᠎ᠲᠤᠨᠢ ᠨᠠᠢ᠌ᠳᠠᠪᠦᠷᠢᠵᠢᠭᠤᠯᠤᠭᠰᠠᠨᠢ ᠶᠠᠷᠢᠯ᠎ᠠ᠂ ᠲᠡᠭᠡᠪᠡᠯ᠂ 《ᠢᠨᠲᠸᠷ ᠰᠦᠯᠵᠢᠶ᠎ᠡ +》 ᠬᠡᠷᠬᠢᠨ ᠨᠢᠭᠡᠨ ᠰᠠᠢ᠌ᠨ ᠰᠠᠢ᠌ᠬᠠᠨ ᠬᠦᠭᠵᠢᠯᠲᠡ ᠵᠢᠨ ᠣᠷᠴᠢᠨ ᠠᠬᠤᠢ ᠬᠠᠩᠭ᠋ᠠᠬᠤ ᠪᠣᠢ? ᠶᠠᠮᠠᠷ ᠶᠠᠮᠠᠷ ᠠᠷᠭ᠎ᠠ ᠠᠪᠴᠠᠯ ᠪᠠᠢ᠌ᠬᠤ ᠪᠣᠢ?
ᠵᠠᠩ ᠪᠠᠢ ᠴᠸᠩ᠄
ᠪᠦᠬᠦᠢ᠌ᠯᠡ ᠢᠨᠲᠸᠷ ᠰᠦᠯᠵᠢᠶ᠎ᠡ ᠵᠢᠨ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠶ᠋ᠢᠭᠤᠯᠤᠯᠲᠠ ᠴᠤ᠌ ᠮᠠᠰᠢ ᠴᠢᠬᠤᠯᠠ ᠶᠤᠮ᠂ ᠵᠢᠱ᠌ᠢᠶᠡᠯᠡᠪᠡᠯ ᠪᠦᠰᠡ ᠵᠢᠨ ᠬᠤᠷᠳᠤᠴᠠ᠂ ᠵᠠᠷᠤᠳᠠᠯ ᠰᠦᠢ᠍ᠳᠭᠡᠯ᠂ ᠠᠮᠤᠷ ᠲᠥᠪᠰᠢᠨ ᠵᠡᠷᠭᠡ ᠲᠠᠯ᠎ᠠ ᠪᠣᠯᠤᠨ᠎ᠠ᠃ ᠬᠦᠭᠵᠢᠯᠲᠡ ᠵᠢᠨ ᠣᠷᠴᠢᠨ ᠠᠬᠤᠢ ᠵᠢ ᠰᠢᠯᠢᠳᠡᠭᠵᠢᠭᠦᠯᠬᠦ ᠲᠠᠯ᠎ᠠ᠎ᠪᠠᠷ ᠭᠣᠣᠯᠳᠠᠭᠤ ᠰᠦᠯᠵᠢᠶ᠎ᠡ ᠵᠢᠨ ᠰᠠᠭᠤᠷᠢ ᠵᠢ ᠳᠡᠭᠡᠭᠰᠢᠯᠡᠭᠦᠯᠬᠦ᠂ ᠢᠲᠡᠭᠡᠮᠵᠢ ᠵᠢᠨ ᠰᠢᠰᠲᠸᠮᠵᠢ ᠪᠠᠢ᠌ᠭᠤᠯᠬᠤ᠂ ᠰᠦᠯᠵᠢᠶ᠎ᠡ ᠵᠢᠨ ᠠᠮᠤᠷ ᠲᠦᠪᠰᠢᠨ᠎ᠢ ᠪᠠᠲᠤᠯᠠᠬᠤ᠂ ᠤᠬᠠᠭᠤᠯᠭ᠎ᠠ ᠪᠣᠯᠪᠠᠰᠤᠷᠠᠭᠤᠯᠤᠯ᠎ᠢ ᠴᠢᠩᠭ᠋ᠠᠳᠬᠠᠬᠤ᠂ ᠵᠦᠢ ᠵᠣᠬᠢᠰᠲᠠᠢ ᠲᠦᠯᠬᠢᠨ ᠠᠬᠢᠭᠤᠯᠬᠤ ᠵᠢ ᠴᠢᠩᠭ᠋ᠠᠷᠠᠭᠤᠯᠬᠤ ᠵᠡᠷᠭᠡ ᠲᠠᠪᠤᠨ ᠲᠠᠯ᠎ᠠ᠎ᠠᠴᠠ ᠭᠠᠷᠳᠠᠨ᠎ᠠ᠃
ᠨᠢᠭᠡ᠎ᠳᠤ ᠰᠦᠯᠵᠢᠶ᠎ᠡ ᠵᠢᠨ ᠰᠠᠭᠤᠷᠢ ᠵᠢ ᠳᠡᠭᠡᠭᠰᠢᠯᠡᠭᠦᠯᠬᠦ ᠲᠠᠯ᠎ᠠ᠎ᠪᠠᠷ᠂ ᠥᠷᠭᠡᠨ ᠪᠦᠰᠡ ᠵᠢᠨ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠵᠦ᠂ ᠵᠠᠬ᠎ᠠ ᠳᠡᠯᠭᠡᠭᠦᠷ᠎ᠲᠤ ᠦᠷᠢᠰᠦᠯᠳᠦᠬᠦ ᠵᠢ ᠵᠣᠷᠢᠭᠵᠢᠭᠤᠯᠤᠨ᠂ ᠵᠠᠬ᠎ᠠ ᠳᠡᠯᠭᠡᠭᠦᠷ᠎ᠲᠠᠬᠢ ᠭᠠᠭᠴᠠᠭ᠋ᠠᠷ ᠡᠵᠡᠮᠰᠢᠯ᠎ᠢ ᠡᠪᠳᠡᠨ᠎ᠡ᠃ ᠥᠷᠭᠡᠨ ᠪᠦᠰᠡᠲᠦ ᠰᠦᠯᠵᠢᠶ᠎ᠡ ᠵᠢᠨ ᠬᠤᠷᠳᠤᠯᠠᠮᠵᠢ᠂ ᠮᠡᠳᠡᠭᠡ ᠵᠠᠩᠬᠢ ᠵᠢᠨ ᠦᠢ᠍ᠯᠡᠴᠢᠯᠡᠭᠡᠨ᠎ᠤ ᠶᠠᠰᠤ ᠴᠢᠨᠠᠷ ᠪᠠ ᠡᠬᠢ ᠪᠠᠶᠠᠯᠢᠭ᠎ᠤᠨ ᠠᠰᠢᠭᠯᠠᠮᠵᠢ ᠵᠢ ᠳᠡᠭᠡᠭᠰᠢᠯᠡᠭᠦᠯᠦᠨ᠎ᠡ᠃
ᠬᠣᠶᠠᠷ᠎ᠲᠤ ᠢᠲᠡᠭᠡᠮᠵᠢ ᠵᠢᠨ ᠰᠢᠰᠲᠸᠮᠵᠢ ᠪᠠᠢ᠌ᠭᠤᠯᠬᠤ ᠲᠠᠯ᠎ᠠ᠎ᠪᠠᠷ᠂ ᠰᠦᠯᠵᠢᠶ᠎ᠡ ᠵᠢᠨ ᠢᠲᠡᠭᠡᠮᠵᠢ ᠵᠢᠨ ᠰᠢᠰᠲᠸᠮᠵᠢ ᠪᠠ ᠢᠲᠡᠭᠡᠮᠵᠢᠲᠡᠢ ᠠᠷᠠᠯᠵᠢᠶᠠᠯᠠᠭ᠎ᠠ ᠬᠢᠬᠦ ᠵᠢ ᠪᠠᠲᠤᠯᠠᠬᠤ ᠣᠷᠴᠢᠨ ᠠᠬᠤᠶ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠨᠡᠢ᠌ᠭᠡᠮ᠎ᠤᠨ ᠢᠲᠡᠭᠡᠮᠵᠢ ᠵᠢᠨ ᠮᠡᠳᠡᠭᠡ ᠵᠠᠩᠬᠢ ᠵᠢᠨ ᠲᠠᠪᠴᠠᠩ᠎ᠢ ᠪᠠᠢ᠌ᠭᠤᠯᠵᠤ᠂ ᠮᠡᠳᠡᠭᠡ ᠵᠠᠩᠬᠢ ᠵᠢᠨ ᠦᠢ᠍ᠯᠡᠴᠢᠯᠡᠭᠡᠨ᠂ ᠰᠦᠯᠵᠢᠶᠡᠨ ᠳᠡᠭᠡᠷ᠎ᠡ ᠠᠷᠠᠯᠵᠢᠶᠠᠯᠠᠭ᠎ᠠ ᠬᠢᠬᠦ ᠦᠢ᠍ᠯᠡ ᠠᠵᠢᠯᠯᠠᠭ᠎ᠠ᠂ ᠦᠢ᠍ᠯᠡᠳᠭᠦᠨ ᠬᠢᠭᠡᠳ ᠦᠢ᠍ᠯᠡᠴᠢᠯᠡᠭᠡᠨ᠎ᠤ ᠶᠠᠰᠤ ᠴᠢᠨᠠᠷ ᠵᠡᠷᠭᠡ ᠵᠢᠨ ᠬᠢᠨᠠᠨ ᠬᠠᠮᠢᠶᠠᠷᠤᠯᠲᠠ ᠵᠢ ᠴᠢᠩᠭ᠋ᠠᠳᠬᠠᠨ᠎ᠠ᠃
ᠭᠤᠷᠪᠠ᠎ᠳᠤ ᠰᠦᠯᠵᠢᠶ᠎ᠡ ᠵᠢᠨ ᠠᠮᠤᠷ ᠲᠦᠪᠰᠢᠨ᠎ᠢ ᠪᠠᠲᠤᠯᠠᠬᠤ ᠲᠠᠯ᠎ᠠ᠎ᠪᠠᠷ᠂ ᠰᠦᠯᠵᠢᠶ᠎ᠡ ᠵᠢ ᠠᠮᠤᠷ ᠲᠦᠪᠰᠢᠨ ᠠᠵᠢᠯᠯᠠᠭᠤᠯᠬᠤ ᠬᠠᠮᠲᠤᠷᠠᠨ ᠬᠦᠳᠡᠯᠦᠯᠴᠡᠬᠦ ᠲᠣᠭᠲᠠᠴᠠ ᠪᠠ ᠪᠠᠲᠤᠯᠠᠭ᠎ᠠ ᠵᠢᠨ ᠰᠢᠰᠲᠸᠮᠵᠢ ᠵᠢ ᠪᠠᠢ᠌ᠭᠤᠯᠤᠨ ᠪᠦᠷᠢᠨᠰᠢᠭᠦᠯᠵᠦ᠂ ᠰᠦᠯᠵᠢᠶ᠎ᠡ ᠵᠢᠨ ᠠᠮᠤᠷ ᠲᠦᠪᠰᠢᠨ ᠬᠢᠭᠡᠳ 《ᠢᠨᠲᠸᠷ ᠰᠦᠯᠵᠢᠶ᠎ᠡ +》 ᠵᠢ ᠲᠦᠯᠬᠢᠨ ᠠᠬᠢᠭᠤᠯᠬᠤ ᠵᠢ ᠵᠡᠷᠭᠡ᠎ᠳᠤ᠎ᠨᠢ ᠲᠦᠯᠦᠪᠵᠢᠭᠦᠯᠬᠦ᠂ ᠪᠦᠲᠦᠭᠡᠨ ᠪᠠᠢ᠌ᠭᠤᠯᠬᠤ᠂ ᠠᠵᠢᠯᠯᠠᠭᠤᠯᠬᠤ ᠵᠢ ᠪᠠᠷᠢᠮᠳᠠᠯᠠᠨ᠎ᠠ᠃
ᠳᠥᠷᠪᠡ᠎ᠳᠤ ᠤᠬᠠᠭᠤᠯᠭ᠎ᠠ ᠪᠣᠯᠪᠠᠰᠤᠷᠠᠭᠤᠯᠤᠯ᠎ᠢ ᠴᠢᠩᠭ᠋ᠠᠳᠬᠠᠬᠤ ᠲᠠᠯ᠎ᠠ᠎ᠪᠠᠷ᠂ ᠭᠠᠳᠠᠭ᠋ᠠᠳᠤ᠎ᠯᠤᠭ᠎ᠠ ᠵᠢᠨ ᠰᠣᠯᠢᠯᠴᠠᠭ᠎ᠠ ᠵᠢ ᠦᠷᠭᠡᠳᠬᠡᠨ᠂ ᠤᠬᠠᠭᠤᠯᠭ᠎ᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠭᠤᠯᠤᠯ᠎ᠤᠨ ᠠᠵᠢᠯ ᠦᠷᠨᠢᠭᠦᠯᠦᠨ᠎ᠡ᠃
ᠲᠠᠪᠤ᠎ᠳᠤ ᠬᠦᠴᠦ᠎ᠪᠠᠨ ᠨᠢᠭᠡᠳᠬᠡᠨ ᠲᠦᠯᠬᠢᠨ ᠠᠬᠢᠭᠤᠯᠬᠤ ᠵᠢ ᠴᠢᠩᠭ᠋ᠠᠷᠠᠭᠤᠯᠬᠤ ᠲᠠᠯ᠎ᠠ᠎ᠪᠠᠷ᠂ ᠦᠪᠡᠷᠲᠡᠭᠡᠨ ᠵᠠᠰᠠᠬᠤ ᠤᠷᠤᠨ᠎ᠤ ᠢᠨᠲᠸᠷ ᠰᠦᠯᠵᠢᠶᠡᠨ ᠠᠵᠤ ᠠᠬᠤᠶ ᠵᠢᠨ ᠬᠠᠮᠲᠤᠷᠠᠭᠰᠠᠨ ᠬᠤᠷᠠᠯ᠎ᠤᠨ ᠠᠵᠢᠯ᠎ᠤᠨ ᠲᠣᠭᠲᠠᠴᠠ ᠪᠠᠢ᠌ᠭᠤᠯᠤᠨ᠂ ᠬᠠᠮᠲᠤᠷᠠᠭᠰᠠᠨ ᠬᠤᠷᠠᠯ᠎ᠤᠨ ᠠᠯᠪᠠᠨ ᠭᠡᠷ᠎ᠢ ᠦᠪᠡᠷᠲᠡᠭᠡᠨ ᠵᠠᠰᠠᠬᠤ ᠤᠷᠤᠨ᠎ᠤ ᠠᠵᠤ ᠠᠬᠤᠢ ᠮᠡᠳᠡᠭᠡ ᠵᠠᠩᠭᠢᠵᠢᠯ᠎ᠤᠨ ᠵᠦᠪᠯᠡᠯ᠎ᠳᠤ ᠲᠣᠬᠢᠷᠠᠭᠤᠯᠤᠨ᠎ᠠ᠃
ᠬᠦᠲᠦᠯᠦᠭᠴᠢ᠄
ᠵᠠ᠂ ᠲᠠᠨ᠎ᠤ ᠨᠠᠷᠢᠨ ᠲᠣᠳᠤᠷᠬᠠᠢ ᠲᠠᠢ᠌ᠯᠪᠤᠷᠢᠯᠠᠭᠰᠠᠨ᠎ᠳᠤ ᠲᠠᠯᠠᠷᠬᠠᠵᠤ ᠪᠠᠢ᠌ᠨ᠎ᠠ᠂ ᠡᠳᠡᠭᠡᠷ ᠠᠯᠢ ᠤᠯᠠᠨ ᠠᠷᠭ᠎ᠠ ᠬᠡᠮᠵᠢᠶ᠎ᠡ᠎ᠪᠠᠷ ᠳᠠᠮᠵᠢᠭ᠋ᠠᠳ᠂ ᠮᠠᠨᠳᠤ ᠤᠷᠤᠨ᠎ᠤ 《ᠢᠨᠲᠸᠷ ᠰᠦᠯᠵᠢᠶ᠎ᠡ +》᠎ᠳᠤ ᠨᠢᠭᠡᠨ ᠰᠠᠢ᠌ᠨ ᠰᠠᠢ᠌ᠬᠠᠨ ᠬᠦᠭᠵᠢᠯᠲᠡ ᠵᠢᠨ ᠣᠷᠴᠢᠨ ᠠᠬᠤᠢ ᠬᠠᠩᠭ᠋ᠠᠵᠤ᠂ ᠪᠠᠰᠠ ᠮᠠᠨ᠎ᠤ ᠤᠷᠤᠨ᠎ᠤ ᠠᠵᠤ ᠠᠬᠤᠢ ᠪᠤᠯᠤᠨ ᠨᠡᠢ᠌ᠭᠡᠮ᠎ᠤᠨ ᠬᠦᠭᠵᠢᠯᠲᠡ ᠵᠢᠨ ᠰᠢᠨ᠎ᠡ ᠳᠡᠭᠲᠡᠷ᠎ᠲᠤ ᠭᠠᠷᠬᠤ᠎ᠳᠤ ᠬᠦᠴᠦ ᠨᠡᠮᠡᠷᠢᠯᠡᠬᠦ ᠵᠢ ᠢᠲᠡᠭᠡᠵᠦ ᠪᠠᠢ᠌ᠨ᠎ᠠ᠃ ᠵᠠᠩ ᠡᠷᠬᠢᠯᠡᠭᠴᠢ ᠵᠢᠨ ᠲᠠᠢ᠌ᠯᠪᠤᠷᠢᠯᠠᠨ ᠶᠠᠷᠢᠭᠰᠠᠨ ᠪᠠ ᠰᠦᠯᠵᠢᠶᠡᠨ ᠠᠨᠳᠠ ᠨᠠᠷ᠎ᠤᠨ ᠢᠳᠡᠪᠬᠢᠲᠡᠢ ᠤᠷᠤᠯᠴᠠᠭᠰᠠᠨ᠎ᠳᠤ ᠳᠠᠬᠢᠨᠲᠠ ᠲᠠᠯᠠᠷᠬᠠᠵᠤ ᠪᠠᠢ᠌ᠨ᠎ᠠ᠂ ᠳᠠᠷᠠᠭ᠋ᠠᠴᠢ ᠵᠢᠨ ᠫᠷᠦᠭᠷᠡᠮ᠎ᠳᠤ ᠪᠠᠶᠠᠷᠲᠠᠢ ᠵᠣᠯᠭ᠋ᠠᠶ᠎ᠠ!

ᠦᠪᠡᠷᠲᠡᠭᠡᠨ ᠵᠠᠰᠠᠬᠤ ᠤᠷᠤᠨ᠎ᠤ ᠠᠵᠤ ᠠᠬᠤᠢ ᠮᠡᠳᠡᠭᠡ ᠵᠠᠩᠭᠢᠵᠢᠯ᠎ᠤᠨ ᠵᠦᠪᠯᠡᠯ ᠬᠢᠭᠡᠳ ᠳᠤᠮᠳᠠᠳᠤ ᠤᠯᠤᠰ᠎ᠤᠨ ᠴᠠᠬᠢᠯᠭ᠋ᠠᠨ ᠬᠣᠯᠪᠤᠭ᠎ᠠ ᠵᠢᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ ᠵᠢᠨ ᠪᠠᠶ᠋ᠢᠯᠳᠤᠬᠤ ᠪᠣᠳᠣᠯᠭ᠎ᠠ ᠵᠢᠨ ᠬᠣᠷᠰᠢᠯᠴᠠᠭ᠎ᠠ ᠵᠢᠨ ᠭᠡᠷ᠎ᠡ ᠲᠤᠭᠲᠠᠬᠤ ᠶᠣᠰᠣᠯᠠᠯ᠎ᠤᠨ ᠲᠤᠬᠠᠢ ᠵᠢᠨ ᠲᠠᠯᠠᠪᠠᠢ᠂ jpg

ᠦᠪᠡᠷᠲᠡᠭᠡᠨ ᠵᠠᠰᠠᠬᠤ ᠤᠷᠤᠨ᠎ᠤ ᠠᠵᠤ ᠠᠬᠤᠢ ᠮᠡᠳᠡᠭᠡ ᠵᠠᠩᠭᠢᠵᠢᠯ᠎ᠤᠨ ᠵᠦᠪᠯᠡᠯ ᠬᠢᠭᠡᠳ ᠳᠤᠮᠳᠠᠳᠤ ᠤᠯᠤᠰ᠎ᠤᠨ ᠴᠠᠬᠢᠯᠭ᠋ᠠᠨ ᠬᠣᠯᠪᠤᠭ᠎ᠠ ᠵᠢᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ 《ᠵᠠᠰᠠᠭ᠎ᠤᠨ ᠶᠠᠪᠤᠳᠠᠯ᠎ᠤᠨ ᠡᠭᠦᠯᠡᠨ ᠦᠢ᠍ᠯᠡᠴᠢᠯᠡᠭᠡᠨ》᠎ᠤ ᠲᠣᠭ᠎ᠠ ᠪᠠᠷᠢᠮᠳᠠ ᠵᠢᠨ ᠲᠥᠪ᠎ᠤᠨ ᠫᠠᠢ᠌ᠰᠠ ᠰᠡᠬᠥᠬᠦ ᠶᠣᠰᠣᠯᠠᠯ ᠡᠷᠬᠢᠯᠡᠵᠦ ᠪᠠᠢ᠌ᠭ᠎ᠠ᠎ᠨᠢ ᠂ jpg

ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠤᠨ ᠡᠯᠸᠺᠲᠷᠣᠨ ᠵᠠᠰᠠᠭ᠎ᠤᠨ ᠶᠠᠪᠤᠳᠠᠯ᠎ᠤᠨ ᠭᠠᠵᠠᠷ᠎ᠤᠨ ᠳᠠᠷᠤᠭ᠎ᠠ ᠾᠸ ᠪᠢᠶᠣᠣ ᠰᠤᠷᠪᠤᠯᠵᠢᠯᠠᠭ᠎ᠠ ᠬᠦᠯᠢᠶᠡᠭᠰᠡᠨ ᠵᠣᠴᠢᠨ᠎ᠳᠤ ᠪᠠᠷ᠎ᠠ ᠪᠣᠯᠵᠤ ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠫᠣᠷᠲᠸᠯ ᠰᠦᠯᠵᠢᠶ᠎ᠡ ᠵᠢ ᠲᠣᠭᠤᠷᠢᠨ ᠦᠵᠡᠵᠦ ᠪᠠᠢ᠌ᠭ᠎ᠠ᠂ jpg