
ᠰᠤᠷᠪᠤᠯᠵᠢᠯᠠᠨ ᠶᠠᠷᠢᠯᠴᠠᠭᠰᠠᠨ ᠴᠠᠭ᠄
2015 ᠤᠨ᠎ᠤ 12 ᠳ᠋ᠤᠭ᠋ᠠᠷ ᠰᠠᠷ᠎ᠠ ᠵᠢᠨ 21᠎ᠤ ᠡᠳᠦᠷ᠎ᠤᠨ ᠦᠳᠡ ᠵᠢᠨ ᠡᠮᠦᠨᠡᠬᠢ 10 ᠴᠠᠭ
ᠰᠤᠷᠪᠤᠯᠵᠢᠯᠠᠨ ᠶᠠᠷᠢᠯᠴᠠᠭᠰᠠᠨ ᠵᠤᠴᠢᠨ᠄
ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠦᠪᠯᠡᠯ᠎ᠤᠨ ᠳᠡᠳ᠋ ᠡᠷᠬᠢᠯᠡᠭᠴᠢ ᠸᠧᠨ ᠮᠢᠨ
ᠰᠤᠷᠪᠤᠯᠵᠢᠯᠠᠨ ᠶᠠᠷᠢᠯᠴᠠᠭᠰᠠᠨ ᠠᠭᠤᠯᠭ᠎ᠠ ᠵᠢᠨ ᠲᠣᠪᠴᠢ᠄
ᠣᠶ᠋ᠢᠷ᠎ᠠ᠎ᠳᠤ᠂ ᠪᠢᠳᠡ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠦᠪᠯᠡᠯ᠎ᠤᠨ ᠳᠡᠳ᠋ ᠡᠷᠬᠢᠯᠡᠭᠴᠢ ᠸᠧᠨ ᠮᠢᠨᠢ ᠤᠷᠢᠵᠤ 《ᠳᠤᠮᠳᠠᠲᠤ ᠤᠯᠤᠰ ᠦᠪᠦᠷ ᠮᠤᠨᠭ᠌ᠭᠤᠯ》 ᠰᠦᠯᠵᠢᠶ᠎ᠡ᠎ᠳᠤ 《〈ᠬᠥᠯᠥᠨ ᠪᠤᠢ᠍ᠢ᠍ᠷ᠎ᠤᠨ ᠳᠤᠮᠳᠠᠳᠤ ᠤᠷᠤᠰ ᠮᠣᠩᠭᠣᠯ᠎ᠤᠨ ᠬᠠᠮᠲᠤᠷᠠᠯᠴᠠᠭ᠎ᠠ ᠵᠢᠨ ᠬᠣᠰᠢᠭᠤᠴᠢ ᠣᠷᠣᠨ᠎ᠤ ᠪᠥᠳᠥᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ〉 ᠵᠢ ᠬᠢᠨᠠᠮᠠᠭ᠋ᠠᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠳᠡ ᠵᠢᠨ ᠬᠥᠭᠥᠷᠭᠡᠨ ᠪᠡᠬᠢᠯᠡᠯᠲᠡ ᠵᠢ ᠲᠦᠷᠭᠡᠳᠭᠡᠨ ᠪᠦᠲᠦᠭᠡᠨ ᠪᠠᠢ᠌ᠭᠤᠯᠤᠶ᠎ᠠ》 ᠭᠡᠬᠦ ᠭᠣᠣᠯ ᠰᠡᠳᠦᠪ ᠵᠶ᠋ᠠᠷ ᠲᠠ ᠪᠦᠬᠦᠨ᠎ᠲᠠᠢ ᠰᠦᠯᠵᠢᠶᠡᠨ ᠳᠡᠭᠡᠷ᠎ᠡ ᠶᠠᠷᠢᠯᠴᠠᠭᠤᠯᠬᠤ ᠪᠤᠯᠤᠨ᠎ᠠ᠃ ᠲᠤᠬᠠᠶ ᠵᠢᠨ ᠴᠠᠭ᠎ᠲᠤ᠂ ᠥᠷᠭᠡᠨ ᠣᠯᠠᠨ ᠰᠦᠯᠵᠢᠶᠡᠨ ᠠᠨᠳᠠ ᠨᠠᠷ᠎ᠤᠨ ᠢᠳᠡᠪᠬᠢᠲᠡᠶ ᠤᠷᠤᠯᠴᠠᠬᠤ ᠵᠢ ᠪᠠᠶᠠᠷᠯᠠᠨ ᠤᠭᠲᠤᠵᠤ
ᠪᠠᠢ᠌ᠨ᠎ᠠ!
[ᠬᠥᠲᠥᠯᠥᠭᠴᠢ]
ᠰᠦᠯᠵᠢᠶᠡᠨ ᠠᠨᠳᠠ ᠨᠠᠷ ᠡ ᠰᠠᠢ᠌ᠨ ᠪᠠᠢ᠌ᠵᠠᠭ᠋ᠠᠨᠤ! ᠲᠠ ᠪᠦᠬᠦᠨ ᠲᠤᠰ ᠬᠤᠭᠤᠴᠠᠭ᠋ᠠᠨ᠎ᠤ 《ᠳᠤᠮᠳᠠᠲᠤ ᠤᠯᠤᠰ ᠦᠪᠦᠷ ᠮᠤᠨᠭ᠌ᠭᠤᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢ ᠬᠦᠯᠢᠶᠡᠨ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠦᠪᠯᠡᠯ᠎ᠤᠨ ᠳᠡᠳ᠋ ᠡᠷᠬᠢᠯᠡᠭᠴᠢ ᠸᠧᠨ ᠮᠢᠨᠢ ᠤᠷᠢᠨ᠂ 《〈ᠬᠥᠯᠥᠨ ᠪᠤᠢ᠍ᠢ᠍ᠷ᠎ᠤᠨ ᠳᠤᠮᠳᠠᠳᠤ ᠤᠷᠤᠰ ᠮᠣᠩᠭᠣᠯ᠎ᠤᠨ ᠬᠠᠮᠲᠤᠷᠠᠯᠴᠠᠭ᠎ᠠ ᠵᠢᠨ ᠬᠣᠰᠢᠭᠤᠴᠢ ᠣᠷᠣᠨ᠎ᠤ ᠪᠥᠳᠥᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ〉 ᠵᠢ ᠬᠢᠨᠠᠮᠠᠭ᠋ᠠᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠳᠡ ᠵᠢᠨ ᠬᠥᠭᠥᠷᠭᠡᠨ ᠪᠡᠬᠢᠯᠡᠯᠲᠡ ᠵᠢ ᠲᠦᠷᠭᠡᠳᠭᠡᠨ ᠪᠦᠲᠦᠭᠡᠨ ᠪᠠᠢ᠌ᠭᠤᠯᠤᠶ᠎ᠠ》 ᠭᠡᠬᠦ ᠭᠣᠣᠯ ᠰᠡᠳᠦᠪ ᠵᠶ᠋ᠠᠷ ᠲᠠ ᠪᠦᠬᠦᠨ᠎ᠲᠠᠢ ᠶᠠᠷᠢᠯᠴᠠᠭᠤᠯᠬᠤ᠎ᠪᠠᠷ ᠪᠤᠯᠪᠠ᠃ ᠸᠸᠨ ᠡᠷᠬᠢᠯᠡᠭᠴᠢ ᠡ᠂ ᠲᠠᠨ᠎ᠢ ᠪᠠᠶᠠᠷᠯᠠᠨ ᠤᠭᠲᠤᠵᠤ
ᠪᠠᠶ᠋ᠢᠨ᠎ᠠ!
[ᠸᠸᠨ ᠮᠢᠨ]
ᠬᠥᠲᠥᠯᠥᠭᠴᠢ ᠰᠠᠢ᠍ᠢ᠍ᠨ ᠤᠤ! ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨᠤ!
[ᠬᠥᠲᠥᠯᠥᠭᠴᠢ]
ᠲᠠ ᠶᠠᠭᠤᠨ᠎ᠤ ᠡᠮᠦᠨ᠎ᠡ 《ᠬᠥᠯᠥᠨ ᠪᠤᠢ᠍ᠢ᠍ᠷ᠎ᠤᠨ ᠳᠤᠮᠳᠠᠳᠤ ᠤᠷᠤᠰ ᠮᠣᠩᠭᠣᠯ᠎ᠤᠨ ᠬᠠᠮᠲᠤᠷᠠᠯᠴᠠᠭ᠎ᠠ ᠵᠢᠨ ᠬᠣᠰᠢᠭᠤᠴᠢ ᠣᠷᠣᠨ᠎ᠤ ᠪᠥᠳᠥᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ》 ᠵᠢ ᠨᠠᠶ᠋ᠢᠷᠠᠭᠤᠯᠤᠨ ᠵᠤᠬᠢᠶᠠᠭᠰᠠᠨ ᠪᠠ ᠴᠤᠬᠤᠯᠠᠪᠤᠷᠢᠯᠠᠭᠰᠠᠨ ᠠᠬᠤᠶ ᠪᠠᠶ᠋ᠢᠳᠠᠯ᠎ᠢ ᠲᠠᠨᠢᠯᠴᠠᠭᠤᠯᠤᠭ᠋ᠠᠳ ᠦᠭᠭᠦᠨ᠎ᠡ ᠤᠤ?
[ᠸᠸᠨ ᠮᠢᠨ]
ᠵᠠ᠃ ᠲᠤᠢ᠍ᠷᠦ ᠵᠢᠨ ᠶᠠᠪᠤᠳᠠᠯ᠎ᠤᠨ ᠬᠤᠷᠢᠶ᠎ᠠ᠎ᠪᠠᠷ ᠵᠦᠪᠰᠢᠶᠡᠷᠡᠭᠦᠯᠦᠭᠡᠳ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠦᠪᠯᠡᠯ᠎ᠤᠨ ᠳᠠᠷᠤᠮᠠᠯᠯᠠᠨ ᠲᠠᠷᠬᠠᠭ᠋ᠠᠵᠤ ᠬᠡᠷᠡᠭᠵᠢᠬᠦᠯᠦᠭᠰᠡᠨ 《ᠳᠤᠮᠳᠠᠳᠤ ᠤᠯᠤᠰ᠎ᠤᠨ ᠵᠡᠭᠦᠨ ᠬᠣᠶ᠋ᠢᠲᠤ ᠣᠷᠣᠨ ᠵᠡᠭᠦᠨ ᠬᠣᠶ᠋ᠢᠲᠤ ᠠᠽᠢᠶ᠎ᠠ ᠵᠢᠨ ᠣᠷᠣᠨ ᠪᠦᠰᠡ ᠲᠡᠰᠢ ᠨᠡᠭᠡᠭᠡᠯᠳᠡ ᠬᠢᠬᠦ ᠲᠥᠯᠥᠪᠵᠢᠭᠦᠯᠭᠡ ᠵᠢᠨ ᠲᠣᠪᠴᠢ (2012 — 2020 ᠣᠨ)》 (《ᠲᠥᠯᠥᠪᠵᠢᠭᠦᠯᠭᠡ ᠵᠢᠨ ᠲᠣᠪᠴᠢ》 ᠭᠡᠵᠦ ᠲᠣᠪᠴᠢᠯᠠᠨ᠎ᠠ)᠎ᠳᠤ 《ᠬᠥᠯᠥᠨ ᠪᠤᠢ᠍ᠢ᠍ᠷᠢ ᠳᠡᠮᠵᠢᠵᠤ ᠳᠤᠮᠳᠠᠳᠤ ᠤᠷᠤᠰ ᠮᠣᠩᠭᠣᠯ᠎ᠤᠨ ᠬᠠᠮᠲᠤᠷᠠᠯᠴᠠᠭ᠎ᠠ ᠵᠢᠨ ᠬᠣᠰᠢᠭᠤᠴᠢ ᠣᠷᠣᠨ᠎ᠢ ᠪᠠᠢ᠌ᠭᠤᠯᠤᠨ᠎ᠠ》 ᠬᠡᠵᠤ ᠲᠤᠲᠤᠷᠬᠠᠢ ᠳᠤᠷᠠᠳᠪᠠ᠃ 《ᠲᠥᠯᠥᠪᠵᠢᠭᠦᠯᠭᠡ ᠵᠢᠨ ᠲᠣᠪᠴᠢ》 ᠵᠢ ᠬᠢᠨᠠᠮᠠᠭ᠋ᠠᠶ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢᠨ ᠲᠤᠯᠠᠳᠠ᠂ ᠮᠠᠨ᠎ᠤ ᠣᠷᠣᠨ 《ᠬᠥᠯᠥᠨ ᠪᠤᠢ᠍ᠢ᠍ᠷ᠎ᠤᠨ ᠳᠤᠮᠳᠠᠳᠤ ᠤᠷᠤᠰ ᠮᠣᠩᠭᠣᠯ᠎ᠤᠨ ᠬᠠᠮᠲᠤᠷᠠᠯᠴᠠᠭ᠎ᠠ ᠵᠢᠨ ᠬᠣᠰᠢᠭᠤᠴᠢ ᠣᠷᠣᠨ᠎ᠤ ᠪᠦᠳᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ》 (《ᠲᠥᠯᠥᠪᠵᠢᠭᠦᠯᠭᠡ》 ᠭᠡᠵᠦ ᠲᠣᠪᠴᠢᠯᠠᠨ᠎ᠠ) ᠵᠢ ᠨᠡᠢ᠌ᠷᠠᠭᠤᠯᠤᠨ ᠵᠤᠬᠢᠶᠠᠵᠤ᠂ 2015 ᠤᠨ᠎ᠤ 2 ᠳ᠋ᠤᠭ᠋ᠠᠷ ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠥᠷᠥ ᠵᠢᠨ ᠶᠠᠪᠤᠳᠠᠯ᠎ᠤᠨ ᠬᠤᠷᠢᠶ᠎ᠠ᠎ᠳᠤ ᠳᠡᠪᠰᠢᠭᠦᠯᠪᠡ᠃ ᠤᠯᠤᠰ᠎ᠠᠴᠠ ᠤᠮᠠᠷᠠᠰᠢ ᠨᠡᠭᠡᠭᠡᠯᠲᠡ ᠬᠢᠬᠦ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠬᠦᠯᠬᠦ ᠵᠢ ᠳᠠᠭ᠋ᠠᠯᠳᠤᠨ᠂ ᠢᠯᠠᠩᠭᠤᠶ᠎ᠠ 2015 ᠣᠨ᠎ᠳᠤ᠂ ᠤᠯᠤᠰ᠎ᠠᠴᠠ 《ᠲᠤᠷᠭ᠋ᠠᠨ ᠵᠠᠮ᠎ᠤᠨ ᠠᠵᠤ ᠠᠬᠤᠶ ᠵᠢᠨ ᠪᠦᠰᠡ ᠪᠣᠯᠤᠨ 21 ᠳ᠋ᠤᠭᠡᠷ ᠵᠠᠭᠤᠨ᠎ᠤ ᠳᠠᠯᠠᠶ ᠳᠡᠭᠡᠷᠡᠬᠢ ᠲᠣᠷᠭ᠋ᠠᠨ ᠵᠠᠮ᠎ᠢ ᠬᠠᠮᠲᠤ᠎ᠪᠠᠷ ᠪᠠᠢ᠌ᠭᠤᠯᠬᠤ ᠵᠢ ᠠᠬᠢᠭᠤᠯᠬᠤ ᠢᠷᠡᠭᠡᠳᠦᠶ ᠵᠢᠨ ᠲᠥᠯᠥᠪ ᠪᠣᠯᠤᠨ ᠠᠵᠢᠯᠯᠠᠭ᠎ᠠ》 ᠵᠢ ᠨᠡᠢ᠌ᠲᠡᠯᠡᠵᠤ᠂ ᠳᠤᠮᠳᠠᠳᠤ ᠣᠷᠣᠰ ᠮᠣᠩᠭᠣᠯ ᠭᠤᠷᠪᠠᠨ ᠤᠯᠤᠰ᠎ᠤᠨ ᠲᠡᠷᠢᠭᠦᠨ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠂ ᠣᠷᠣᠰ᠎ᠤᠨ ᠬᠣᠯᠪᠣᠭ᠋ᠠᠲᠤ ᠤᠯᠤᠰ᠂ ᠮᠣᠩᠭᠣᠯ ᠤᠯᠤᠰ᠎ᠤᠨ ᠭᠤᠷᠪᠠᠨ ᠲᠠᠯ᠎ᠠ ᠵᠢᠨ ᠬᠠᠮᠲᠤᠷᠠᠨ ᠠᠵᠢᠯᠯᠠᠬᠤ ᠳᠤᠮᠳᠠ ᠬᠤᠭᠤᠴᠠᠭ᠋ᠠᠨ᠎ᠤ ᠵᠠᠮ ᠱᠤᠭᠤᠮ᠎ᠤᠨ ᠵᠢᠷᠤᠭ》᠎ᠢ ᠵᠦᠪᠰᠢᠶᠡᠷᠡᠭᠡᠳ᠂ ᠳᠤᠮᠳᠠᠳᠤ ᠣᠷᠣᠰ ᠮᠣᠩᠭᠣᠯ ᠭᠤᠷᠪᠠᠨ ᠲᠠᠯ᠎ᠠ ᠵᠢᠨ ᠣᠷᠣᠨ ᠪᠦᠰᠡ ᠵᠢᠨ ᠬᠣᠭᠣᠷᠣᠨᠳᠣᠬᠢ ᠬᠠᠷᠢᠯᠴᠠᠨ ᠬᠣᠯᠪᠣᠭ᠋ᠠᠯᠠᠵᠤ ᠬᠠᠮᠲᠤᠷᠠᠯᠴᠠᠬᠤ ᠴᠢᠩᠭ᠎ᠠ ᠬᠦᠰᠡᠯ ᠡᠷᠡᠮᠡᠯᠵᠡᠯ᠎ᠢ ᠢᠯᠡᠷᠡᠭᠦᠯᠦᠭᠰᠡᠨ ᠮᠦᠷᠲᠡᠭᠡᠨ ᠤᠯᠤᠰ᠎ᠤᠨ ᠳᠡᠰ ᠳᠠᠪᠬᠤᠷᠭ᠎ᠠ᠎ᠠᠴᠠ 《ᠲᠥᠯᠥᠪᠵᠢᠭᠦᠯᠭᠡ》 ᠵᠢ ᠴᠤᠬᠤᠯᠠᠪᠤᠷᠢᠯᠠᠬᠤ᠎ᠳᠤ ᠰᠠᠢ᠍ᠢ᠍ᠨ ᠰᠠᠶ᠋ᠢᠬᠠᠨ ᠭᠠᠳᠠᠭ᠋ᠠᠳᠤ ᠨᠥᠬᠥᠴᠡᠯ᠎ᠢ ᠪᠦᠷᠢᠯᠳᠦᠭᠦᠯᠵᠦ ᠦᠭᠭᠦᠭᠰᠡᠨ ᠪᠠᠢ᠌ᠨ᠎ᠠ᠃ 8 ᠳ᠋ᠤᠭ᠋ᠠᠷ ᠰᠠᠷ᠎ᠠ ᠵᠢᠨ 18᠎ᠤ ᠡᠳᠦᠷ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠦᠪᠯᠡᠯ᠂ ᠭᠠᠳᠠᠭ᠋ᠠᠳᠤ ᠬᠠᠷᠢᠯᠴᠠᠭ᠋ᠠᠨ᠎ᠤ ᠶᠠᠮᠤᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠵᠠᠮ ᠲᠡᠭᠡᠭᠡᠪᠦᠷᠢ ᠵᠢᠨ ᠶᠠᠮᠤᠨ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠪᠣᠭᠣᠮᠲᠠ ᠵᠢᠨ ᠶᠡᠷᠦᠩᠬᠡᠶ ᠵᠠᠬᠢᠷᠭ᠎ᠠ᠂ ᠵᠢᠭᠤᠯᠴᠢᠯᠠᠯ᠎ᠤᠨ ᠲᠣᠪᠴᠢᠶ᠎ᠠ ᠪᠤᠯᠤᠨ ᠡᠨᠧᠷᠭᠢ ᠵᠢᠨ ᠰᠤᠷᠪᠤᠯᠵᠢ ᠵᠢᠨ ᠲᠤᠪᠴᠢᠶ᠎ᠠ ᠵᠡᠷᠭᠡ ᠨᠠᠢ᠍ᠮᠠᠨ ᠶᠠᠮᠤᠨ ᠵᠦᠪᠯᠡᠯ ᠬᠠᠮᠲᠤᠷᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ 《ᠲᠥᠯᠥᠪᠵᠢᠭᠦᠯᠭᠡ》 ᠵᠢ ᠵᠠᠷᠴᠢᠮ ᠳᠡᠭᠡᠷ᠎ᠡ᠎ᠪᠠᠨ ᠵᠦᠪᠰᠢᠶᠡᠷᠡᠭᠰᠡᠨ ᠬᠠᠷᠢᠭᠤ ᠵᠠᠬᠢᠳᠠᠯ ᠢᠷᠡᠭᠦᠯᠪᠡ᠃
[ᠬᠥᠲᠥᠯᠥᠭᠴᠢ]
ᠬᠥᠯᠥᠨ ᠪᠦᠢ᠍ᠷ᠎ᠤᠨ ᠳᠤᠮᠳᠠᠳᠤ ᠤᠷᠤᠰ ᠮᠣᠩᠭᠣᠯ᠎ᠤᠨ ᠬᠠᠮᠲᠤᠷᠠᠯᠴᠠᠭ᠎ᠠ ᠵᠢᠨ ᠬᠣᠰᠢᠭᠤᠴᠢ ᠣᠷᠣᠨ᠎ᠢ ᠪᠦᠲᠦᠭᠡᠨ ᠪᠠᠢ᠌ᠭᠤᠯᠬᠤ ᠵᠢᠨ ᠴᠢᠬᠤᠯᠠ ᠠᠴᠢ ᠬᠣᠯᠪᠣᠭᠳᠠᠯ᠎ᠨᠢ ᠶᠠᠮᠠᠷ ᠲᠠᠯ᠎ᠠ᠎ᠪᠠᠷ ᠢᠯᠡᠷᠡᠵᠦ ᠪᠠᠢ᠌ᠭ᠎ᠠ ᠪᠤᠢ?
[ᠸᠸᠨ ᠮᠢᠨ]
ᠬᠥᠯᠥᠨ ᠪᠤᠢ᠍ᠢ᠍ᠷ ᠬᠤᠳᠠ ᠪᠣᠯ ᠪᠦᠬᠦ ᠤᠯᠤᠰ᠎ᠤᠨ ᠣᠷᠣᠰ ᠮᠣᠩᠭᠣᠯ ᠳᠡᠰ᠎ᠢ ᠨᠡᠭᠡᠭᠡᠯᠳᠡ ᠬᠢᠵᠤ ᠬᠠᠮᠲᠤᠷᠠᠯᠴᠠᠬᠤ ᠡᠮᠦᠨ᠎ᠡ ᠹᠷᠤᠨᠲ᠎ᠲᠤ ᠪᠠᠢ᠌ᠷᠢᠯᠠᠵᠤ᠂ ᠬᠢᠯᠢ ᠵᠢᠨ ᠱᠤᠭᠤᠮ᠎ᠤᠨ ᠪᠦᠬᠦ ᠣᠷᠳᠣᠨ᠎ᠢ 1733.32 ᠺᠢᠯᠣᠮᠧᠲᠷ ᠪᠠᠢ᠌ᠵᠤ᠂ ᠤᠯᠤᠰ᠎ᠤᠨ ᠠᠯᠪᠠᠨ ᠶᠤᠰᠤᠨ᠎ᠤ 8 ᠪᠣᠭᠣᠮᠲᠠ᠎ᠲᠠᠢ᠂ ᠪᠣᠭᠣᠮᠲᠠ ᠵᠢᠨ ᠶᠡᠷᠦᠩᠬᠡᠶ ᠪᠠᠷᠠᠭ᠎ᠠ ᠦᠨᠭᠭᠡᠷᠡᠭᠦᠯᠬᠦ ᠴᠢᠳᠠᠪᠤᠷᠢ᠎ᠨᠢ 7500 ᠲᠦᠮᠡᠨ ᠲᠣᠨ / ᠵᠢᠯ᠎ᠳᠤ ᠬᠦᠷᠴᠦ᠂ ᠳᠤᠮᠳᠠᠳᠤ ᠤᠷᠤᠰ᠎ᠤᠨ ᠠᠷᠠᠯᠵᠢᠶᠠᠨ᠎ᠤ 70%᠎ᠠᠴᠠ ᠳᠡᠭᠡᠭᠰᠢᠬᠢ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠵᠢ ᠡᠭᠦᠷᠭᠡᠯᠡᠵᠦ ᠪᠤᠢ᠃ ᠬᠥᠯᠥᠨ ᠪᠤᠢ᠍ᠢ᠍ᠷ᠎ᠤᠨ ᠳᠤᠮᠳᠠᠳᠤ ᠤᠷᠤᠰ ᠮᠣᠩᠭᠣᠯ᠎ᠤᠨ ᠬᠠᠮᠲᠤᠷᠠᠯᠴᠠᠭ᠎ᠠ ᠵᠢᠨ ᠬᠣᠰᠢᠭᠤᠴᠢ ᠣᠷᠣᠨ᠎ᠢ ᠰᠠᠶ᠋ᠢᠲᠤᠷ ᠪᠦᠲᠦᠭᠡᠨ ᠪᠠᠢ᠌ᠭᠤᠯᠬᠤ᠎ᠨᠢ ᠤᠯᠤᠰ᠎ᠠᠴᠠ 《ᠨᠢᠭᠡ ᠪᠦᠰᠡ ᠨᠢᠭᠡ ᠵᠠᠮ》᠂ ᠵᠡᠭᠦᠨ ᠬᠣᠶ᠋ᠢᠲᠤ ᠣᠷᠣᠨ᠎ᠤ ᠠᠵᠤ ᠦᠢ᠍ᠯᠡᠳᠪᠦᠷᠢ ᠵᠢᠨ ᠬᠠᠭᠤᠴᠢᠨ ᠰᠠᠭᠤᠷᠢᠨ ᠭᠠᠵᠠᠷ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠡᠷᠭᠡ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠵᠢ ᠬᠡᠷᠡᠭᠵᠢᠬᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠂ ᠮᠠᠨ᠎ᠤ ᠣᠷᠣᠨ᠎ᠤ ᠳᠤᠮᠳᠠᠳᠤ ᠣᠷᠣᠰ ᠮᠣᠩᠭᠣᠯ᠎ᠤᠨ ᠠᠵᠤ ᠠᠬᠤᠶ ᠵᠢᠨ ᠬᠤᠨᠭ᠌ᠬᠢᠯ᠎ᠤᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠬᠤ᠎ᠳᠤ ᠴᠢᠬᠤᠯᠠ ᠦᠢ᠍ᠯᠡᠳᠦᠯ ᠦᠵᠡᠬᠦᠯᠬᠦ ᠪᠤᠯᠤᠨ᠎ᠠ᠃
[ᠬᠥᠲᠥᠯᠥᠭᠴᠢ]
ᠬᠥᠯᠥᠨ ᠪᠤᠢ᠍ᠢ᠍ᠷ᠎ᠤᠨ ᠳᠤᠮᠳᠠᠳᠤ ᠤᠷᠤᠰ ᠮᠣᠩᠭᠣᠯ᠎ᠤᠨ ᠬᠠᠮᠲᠤᠷᠠᠯᠴᠠᠭ᠎ᠠ ᠵᠢᠨ ᠬᠣᠰᠢᠭᠤᠴᠢ ᠣᠷᠣᠨ᠎ᠢ ᠪᠦᠲᠦᠭᠡᠨ ᠪᠠᠢ᠌ᠭᠤᠯᠬᠤ᠎ᠳᠤ ᠶᠠᠮᠠᠷ ᠴᠢᠯᠥᠭᠡᠲᠡᠶ ᠶᠠᠪᠤᠯᠴᠠᠬᠤ ᠪᠠᠶ᠋ᠢᠷᠢᠰᠢᠯ᠎ᠲᠠᠢ ᠪᠤᠢ?
[ᠸᠸᠨ ᠮᠢᠨ]
ᠬᠣᠰᠢᠭᠤᠴᠢ ᠣᠷᠣᠨ᠎ᠨᠢ ᠣᠷᠣᠰ ᠮᠣᠩᠭᠣᠯ᠎ᠢ ᠬᠣᠯᠪᠣᠨ ᠨᠡᠪᠲᠡᠷᠡᠭᠦᠯᠵᠦ᠂ ᠵᠡᠭᠦᠨ ᠬᠣᠶ᠋ᠢᠲᠤ ᠣᠷᠣᠨ᠎ᠢ ᠵᠤᠯᠭ᠋ᠠᠯᠳᠤᠭᠤᠯᠵᠤ᠂ ᠳᠣᠲᠣᠷ ᠭᠠᠵᠠᠷ᠎ᠲᠠᠢ ᠬᠠᠷᠢᠴᠠᠵᠤ᠂ ᠬᠠᠷᠢᠯᠴᠠᠨ ᠠᠬᠢᠭᠤᠯᠵᠤ ᠬᠠᠮᠲᠤ᠎ᠪᠠᠷ ᠤᠷᠤᠭᠰᠢᠯᠠᠨ ᠪᠦᠬᠥ ᠲᠠᠯ᠎ᠠ᠎ᠪᠠᠷ ᠴᠢᠯᠥᠭᠡᠲᠡᠶ ᠶᠠᠪᠤᠯᠴᠠᠬᠤ ᠬᠠᠮᠲᠤᠷᠠᠯᠴᠠᠬᠤ ᠬᠦᠭᠵᠢᠯᠲᠡ ᠵᠢᠨ ᠪᠠᠶ᠋ᠢᠷᠢᠰᠢᠯ᠎ᠢ ᠪᠤᠢ ᠪᠣᠯᠭ᠋ᠠᠬᠤ ᠪᠤᠯᠤᠨ᠎ᠠ᠃ ᠨᠢᠭᠡ᠎ᠳᠤ ᠬᠠᠶ᠋ᠢᠯᠠᠷ ᠲᠤᠭᠤᠷᠢᠭ ᠵᠶ᠋ᠠᠷ ᠭᠣᠣᠯ ᠪᠤᠯᠭ᠋ᠠᠨ᠂ ᠮᠠᠨᠵᠤᠤᠷ ᠬᠣᠲᠠ᠎ᠪᠠᠷ ᠲᠤᠯᠤᠭ᠋ᠠᠢ᠌ᠯᠠᠭᠤᠯᠤᠨ᠂ ᠪᠢᠨᠵᠸᠤ ᠱᠤᠭᠤᠮ ᠳᠠᠭ᠋ᠠᠤ ᠡᠯ᠎ᠡ ᠬᠣᠰᠢᠭᠤ ᠬᠣᠲᠠ᠎ᠳᠤ ᠭᠣᠣᠯ ᠵᠠᠮ ᠳᠡᠪᠢᠰᠴᠦ᠂ ᠳᠤᠮᠳᠠᠳᠤ ᠤᠷᠤᠰ ᠪᠤᠯᠤᠨ ᠳᠤᠮᠳᠠᠲᠤ ᠮᠣᠩᠭᠣᠯ᠎ᠤᠨ ᠬᠢᠯᠢ ᠳᠠᠭ᠋ᠠᠤ ᠬᠤᠶᠠᠷ ᠳᠠᠯᠠᠪᠴᠢᠯᠠᠵᠤ᠂ ᠬᠣᠰᠢᠭᠤᠴᠢ ᠣᠷᠣᠨ᠎ᠤ 《ᠨᠢᠭᠡ ᠭᠤᠤᠯ ᠬᠣᠶᠠᠷ ᠳᠠᠯᠠᠪᠴᠢ》 ᠵᠢᠨ ᠨᠡᠭᠡᠭᠡᠨ ᠬᠥᠭᠵᠢᠭᠦᠯᠵᠦ ᠨᠡᠭᠡᠭᠡᠯᠳᠡ ᠬᠢᠬᠦ ᠪᠠᠶ᠋ᠢᠷᠢᠰᠢᠯ᠎ᠢ ᠪᠤᠢ ᠪᠤᠯᠭ᠋ᠠᠨ᠎ᠠ᠃ ᠬᠣᠶᠠᠷ᠎ᠲᠤ᠂ ᠬᠣᠰᠢᠭᠤᠴᠢ ᠣᠷᠣᠨ᠎ᠤ ᠭᠣᠣᠯ ᠣᠷᠣᠨ ᠬᠠᠶ᠋ᠢᠯᠠᠷ ᠲᠣᠭᠣᠷᠢᠭ᠂ ᠮᠣᠩᠭᠣᠯ ᠤᠯᠤᠰ᠎ᠤᠨ ᠳᠣᠷᠣᠨᠠᠲᠤ ᠠᠶ᠋ᠢᠮᠠᠭ᠎ᠤᠨ ᠲᠥᠪ ᠴᠣᠶ᠋ᠢᠪᠠᠯᠰᠠᠩ ᠬᠣᠲᠠ᠂ ᠣᠷᠣᠰ᠎ᠤᠨ ᠪᠠᠶ᠋ᠢᠭ᠋ᠠᠯ ᠬᠢᠯᠢ ᠬᠢᠵᠠᠭ᠋ᠠᠷ ᠣᠷᠣᠨ᠎ᠤ ᠲᠥᠪ ᠴᠢᠲ᠋ᠠ ᠬᠣᠲᠠ᠎ᠪᠠᠷ ᠲᠤᠯᠭ᠋ᠠᠭᠤᠷᠢ ᠴᠢᠭ᠋ ᠪᠤᠯᠭ᠋ᠠᠨ᠂ 《ᠬᠠᠢ᠌ᠯᠠᠷ ᠴᠢᠲ᠋ᠠ ᠴᠣᠶ᠋ᠢᠪᠠᠯᠰᠠᠩ》᠎ᠤᠨ ᠣᠷᠣᠨ ᠪᠦᠰᠡ ᠵᠢᠨ ᠤᠯᠠᠨ ᠤᠯᠤᠰ᠎ᠤᠨ ᠬᠠᠮᠲᠤᠷᠠᠯᠴᠠᠭ᠎ᠠ ᠵᠢᠨ ᠠᠯᠲᠠᠨ ᠭᠤᠷᠪᠠᠯᠵᠢᠨ ᠣᠷᠣᠨ᠎ᠢ ᠴᠤᠭᠴᠠᠯᠠᠵᠤ᠂ ᠮᠣᠩᠭᠣᠯ ᠤᠯᠤᠰ᠎ᠤᠨ ᠵᠡᠭᠦᠨ ᠪᠡᠶ᠎ᠡ ᠵᠢᠨ ᠭᠤᠷᠪᠠᠨ ᠠᠢ᠌ᠮᠠᠭ ᠣᠷᠣᠨ᠂ ᠣᠷᠣᠰ᠎ᠤᠨ ᠬᠥᠷᠰᠢ ᠵᠡᠷᠭᠡᠯᠡᠳᠡᠭᠡ ᠭᠤᠷᠪᠠᠨ ᠵᠧᠦ ᠣᠷᠣᠨ ᠪᠤᠯᠤᠨ ᠮᠠᠨ᠎ᠤ ᠤᠯᠤᠰ᠎ᠤᠨ ᠵᠡᠭᠦᠨ ᠬᠣᠶ᠋ᠢᠲᠤ ᠭᠠᠵᠠᠷ ᠤᠷᠤᠨ᠎ᠳᠤ ᠬᠠᠮᠤᠷᠠᠭᠤᠯᠤᠨᠠ᠃ ᠭᠤᠷᠪᠠ᠎ᠳᠤ ᠡᠬᠡ ᠬᠠᠭᠤᠷᠠᠶ ᠪᠤᠯᠤᠨ ᠳᠠᠯᠠᠢ ᠲᠠᠩᠭᠢᠰ᠎ᠤᠨ ᠤᠯᠠᠨ ᠤᠯᠤᠰ᠎ᠤᠨ ᠬᠣᠭᠣᠷᠣᠨᠳᠣᠬᠢ ᠨᠡᠪᠲᠡᠷᠡᠯ ᠵᠠᠮ᠎ᠳᠤ ᠲᠦᠰᠢᠭᠯᠡᠨ ᠨᠡᠭᠡᠭᠡᠯᠲᠡ ᠬᠢᠵᠤ ᠬᠠᠮᠲᠤᠷᠠᠯᠴᠠᠬᠤ ᠬᠦᠷᠢᠶ᠎ᠡ᠎ᠪᠠᠨ ᠥᠷᠭᠡᠳᠬᠡᠵᠦ᠂ ᠪᠢᠨᠵᠸᠤ ᠱᠤᠭᠤᠮ᠂ ᠢᠮᠢᠨ ᠢᠷᠱ᠌ᠢ ᠱᠤᠭᠤᠮ᠂ ᠮᠠᠨᠵᠤᠤᠷ ᠢᠷᠱ᠌ᠢ ᠱᠤᠭᠤᠮ ᠵᠶ᠋ᠠᠷ ᠳᠠᠮᠵᠢᠨ ᠵᠡᠭᠦᠨ ᠬᠣᠶ᠋ᠢᠲᠤ ᠣᠷᠣᠨ᠂ ᠤᠮᠠᠷᠠᠲᠤ ᠣᠷᠣᠨ ᠵᠡᠷᠭᠡ ᠳᠠᠯᠠᠢ᠎ᠳᠤ ᠭᠠᠷᠬᠤ ᠪᠤᠭᠤᠮᠲᠠᠯᠤᠭᠠ ᠵᠤᠯᠭ᠋ᠠᠯᠳᠤᠭᠤᠯᠵᠤ᠂ ᠣᠯᠠᠨ ᠤᠯᠤᠰ᠎ᠤᠨ ᠶᠡᠬᠡ ᠵᠠᠮ᠎ᠢ ᠨᠡᠪᠲᠡᠷᠡᠭᠦᠯᠵᠦ᠂ ᠵᠡᠭᠦᠨ ᠬᠣᠶ᠋ᠢᠲᠤ ᠣᠷᠣᠨ᠎ᠯᠤᠭ᠎ᠠ ᠵᠢᠨ ᠬᠠᠮᠲᠤᠷᠠᠨ ᠠᠵᠢᠯᠯᠠᠬᠤ ᠵᠢ ᠰᠢᠯᠢᠳᠡᠭᠵᠢᠬᠦᠯᠦᠨ ᠦᠷᠭᠡᠳᠭᠡᠵᠤ᠂ ᠤᠯᠤᠰ᠎ᠤᠨ ᠳᠣᠲᠣᠭ᠋ᠠᠳᠤ ᠵᠢᠨ ᠡᠭᠡ ᠭᠠᠵᠠᠷ᠎ᠯᠤᠭ᠎ᠠ ᠵᠤᠯᠭ᠋ᠠᠯᠳᠤᠭᠤᠯᠤᠨ ᠬᠠᠮᠲᠤᠷᠠᠯᠴᠠᠭᠤᠯᠬᠤ ᠵᠢ ᠴᠢᠨᠭ᠌ᠭ᠋ᠠᠳᠬᠠᠨ᠂ ᠶᠠᠫᠣᠨ ᠺᠣᠷᠢᠶᠠᠯᠤᠭᠠ ᠵᠢᠨ ᠬᠠᠮᠲᠤᠷᠠᠯᠴᠠᠬᠤ ᠵᠢ ᠢᠳᠡᠪᠬᠢᠲᠡᠶ ᠦᠷᠨᠢᠬᠦᠯᠦᠨ᠎ᠡ᠃ ᠲᠦᠷᠪᠡ᠎ᠳᠤ ᠳᠤᠲᠤᠭᠰᠢ ᠲᠠᠲᠠᠬᠤ ᠭᠠᠳᠠᠭᠰᠢ ᠬᠣᠯᠪᠣᠭ᠋ᠠᠯᠠᠬᠤ᠂ ᠬᠠᠷᠢᠯᠴᠠᠨ ᠬᠦᠳᠡᠯᠦᠯᠴᠡᠨ ᠬᠦᠭᠵᠢᠬᠦᠯᠬᠦ ᠰᠡᠳᠬᠢᠴᠡ ᠶᠣᠰᠣᠭ᠋ᠠᠷ᠂ ᠢᠯᠡ ᠲᠣᠳᠣ ᠣᠨᠴᠠᠯᠢᠭ᠎ᠲᠠᠢ ᠪᠥᠭᠡᠳ ᠥᠨᠳᠥᠷ ᠪᠦᠲᠦᠮᠵᠢᠲᠡᠶ ᠬᠠᠮᠲᠤᠷᠠᠨ ᠬᠥᠳᠡᠯᠦᠯᠴᠡᠬᠦ ᠤᠯᠠᠨ ᠤᠯᠤᠰ᠎ᠤᠨ ᠠᠷᠠᠯᠵᠢᠶ᠎ᠠ ᠬᠤᠳᠠᠯᠳᠤᠭ᠎ᠠ᠂ ᠬᠢᠯᠢ ᠠᠯᠤᠰᠯᠠᠭᠰᠠᠨ ᠠᠵᠤ ᠠᠬᠤᠶ ᠵᠢᠨ ᠬᠠᠮᠲᠤᠷᠠᠯᠴᠠᠭ᠎ᠠ ᠵᠡᠷᠭᠡ ᠬᠠᠮᠲᠤᠷᠠᠯᠴᠠᠭ᠎ᠠ ᠵᠢᠨ ᠴᠢᠳᠠᠮᠵᠢᠳᠤ ᠣᠷᠣᠨ᠎ᠢ ᠪᠦᠲᠦᠭᠡᠨ
ᠪᠠᠢ᠌ᠭᠤᠯᠤᠨ᠎ᠠ᠃
[ᠬᠥᠲᠥᠯᠥᠭᠴᠢ]
ᠬᠥᠯᠥᠨ ᠪᠤᠢ᠍ᠢ᠍ᠷ᠎ᠤᠨ ᠳᠤᠮᠳᠠᠳᠤ ᠤᠷᠤᠰ ᠮᠣᠩᠭᠣᠯ᠎ᠤᠨ ᠬᠠᠮᠲᠤᠷᠠᠯᠴᠠᠭ᠎ᠠ ᠵᠢᠨ ᠬᠣᠰᠢᠭᠤᠴᠢ ᠣᠷᠣᠨ᠎ᠤ ᠭᠣᠣᠯᠳᠠᠯᠭ᠎ᠠ᠎ᠲᠠᠢ ᠴᠤᠭᠴᠠᠯᠠᠬᠤ ᠬᠠᠮᠲᠤᠷᠠᠯᠴᠠᠭ᠎ᠠ ᠵᠢᠨ ᠠᠵᠤ ᠦᠢ᠍ᠯᠡᠰ᠎ᠨᠢ ᠶᠠᠭᠤ ᠪᠤᠢ?
[ᠸᠸᠨ ᠮᠢᠨ]
ᠬᠣᠰᠢᠭᠤᠴᠢ ᠣᠷᠣᠨ᠎ᠢ ᠪᠦᠳᠦᠭᠡᠨ ᠪᠠᠢ᠌ᠭᠤᠯᠬᠤ ᠶᠠᠪᠤᠴᠠ ᠳᠤᠮᠳᠠ᠂ ᠠᠵᠤ ᠠᠬᠤᠶ ᠵᠢᠨ ᠬᠥᠭᠵᠢᠯᠲᠡ ᠪᠤᠯᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠬᠠᠷᠢᠴᠠᠭ᠎ᠠ ᠵᠢ ᠴᠢᠷᠮᠠᠶ᠋ᠢᠨ ᠰᠠᠶ᠋ᠢᠲᠤᠷ ᠰᠢᠢ᠍ᠳᠪᠦᠷᠢᠯᠡᠭᠡᠳ᠂ ᠠᠮᠢ ᠠᠬᠤᠶ ᠵᠢ ᠴᠢᠩᠭ᠎ᠠ ᠬᠠᠮᠠᠭ᠋ᠠᠯᠠᠵᠤ᠂ ᠤᠷᠤᠰ ᠮᠣᠩᠭᠣᠯ᠎ᠯᠤᠭ᠎ᠠ ᠵᠢᠨ ᠠᠵᠤ ᠦᠢ᠍ᠯᠡᠰ᠎ᠤᠨ ᠵᠤᠯᠭ᠋ᠠᠯᠳᠤᠭᠤᠯᠤᠨ ᠬᠠᠮᠲᠤᠷᠠᠯᠴᠠᠬᠤ ᠵᠢ ᠴᠢᠨᠭ᠌ᠭ᠋ᠠᠳᠬᠠᠨ᠎ᠠ᠃ ᠬᠣᠰᠢᠭᠤᠴᠢ ᠣᠷᠣᠨ᠎ᠳᠤ ᠳᠥᠷᠪᠡᠨ ᠲᠥᠷᠥᠯ᠎ᠤᠨ 15 ᠵᠦᠢ᠍ᠯ᠎ᠢ ᠬᠠᠮᠤᠷᠤᠭᠰᠠᠨ ᠠᠵᠤ ᠦᠢ᠍ᠯᠡᠰ᠎ᠤᠨ ᠰᠢᠰᠲᠸᠮᠵᠢ ᠵᠢ ᠠᠯᠬᠤᠮ ᠠᠯᠬᠤᠮ ᠵᠶ᠋ᠠᠷ ᠪᠠᠢ᠌ᠭᠤᠯᠤᠨ᠎ᠠ᠂ ᠲᠤᠬᠠᠢ᠌ᠯᠠᠪᠠᠯ ᠴᠡᠪᠡᠷ ᠡᠨᠧᠷᠭᠢ᠂ ᠡᠨᠧᠷᠭᠢ ᠵᠢᠨ ᠰᠤᠷᠪᠤᠯᠵᠢ ᠵᠢᠨ ᠬᠢᠮᠢ ᠵᠢᠨ ᠠᠵᠤ ᠦᠢ᠍ᠯᠡᠳᠪᠦᠷᠢ᠂ ᠡᠬᠢ ᠪᠠᠶᠠᠯᠢᠭ᠎ᠢ ᠨᠠᠷᠢᠨ ᠡᠳ᠋ᠰᠢᠭᠦᠯᠬᠦ 3 ᠵᠦᠢ᠍ᠯ᠎ᠤᠨ ᠡᠨᠧᠷᠭᠢ ᠵᠢᠨ ᠰᠤᠷᠪᠤᠯᠵᠢ ᠵᠢᠨ ᠪᠣᠯᠪᠠᠰᠤᠷᠠᠭᠤᠯᠬᠤ ᠠᠵᠤ ᠦᠢ᠍ᠯᠡᠳᠪᠦᠷᠢ᠂ ᠠᠮᠢᠳᠤ ᠪᠣᠳᠠᠰ᠂ ᠬᠦᠢ᠍ᠲᠡᠨ ᠡᠬᠢ
ᠪᠠᠶᠠᠯᠢᠭ᠂ ᠲᠣᠨᠣᠭᠯᠠᠯ ᠦᠢ᠍ᠯᠡᠳᠬᠦ᠂ ᠰᠢᠨ᠎ᠡ ᠮᠠᠶᠢᠭ᠎ᠤᠨ ᠪᠠᠷᠢᠯᠭ᠎ᠠ ᠵᠢᠨ ᠮᠠᠲ᠋ᠧᠷᠢᠶᠠᠯ᠂ ᠡᠯᠧᠺᠲᠷᠣᠨ ᠮᠡᠳᠡᠭᠡ ᠵᠠᠩᠭᠢ᠂ ᠣᠷᠴᠢᠨ ᠠᠬᠤᠶ ᠵᠢ ᠬᠠᠮᠠᠭ᠋ᠠᠯᠠᠬᠤ 6 ᠵᠦᠢ᠍ᠯ᠎ᠤᠨ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠂ ᠴᠢᠨᠠᠷ ᠰᠠᠶ᠋ᠢᠲᠠᠶ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠦᠢ᠍ᠯᠡᠳᠪᠦᠷᠢᠯᠡᠬᠦ ᠪᠤᠯᠪᠠᠰᠤᠷᠠᠭᠤᠯᠬᠤ ᠬᠦᠮᠦᠷᠭᠡᠯᠡᠬᠦ ᠬᠠᠳᠠᠭ᠋ᠠᠯᠠᠬᠤ ᠪᠠ ᠲᠡᠭᠡᠭᠡᠪᠦᠷᠢᠯᠡᠬᠦ᠂ ᠢᠳᠡᠰᠢᠨ ᠨᠣᠭᠣᠭ᠎ᠠ ᠵᠢᠮᠢᠰ᠎ᠤᠨ ᠵᠦᠢ᠍ᠯ᠎ᠢ ᠲᠠᠷᠢᠵᠤ ᠭᠠᠳᠠᠭ᠋ᠠᠳᠤ᠎ᠳᠤ ᠭᠠᠷᠭ᠋ᠠᠬᠤ᠂ ᠳᠤᠮᠳᠠᠳᠤ ᠤᠷᠤᠰ ᠮᠣᠩᠭᠣᠯ᠎ᠤᠨ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠦᠢ᠍ᠯᠡᠳᠪᠦᠷᠢᠯᠡᠨ ᠪᠣᠯᠪᠠᠰᠤᠷᠠᠭᠤᠯᠬᠤ ᠬᠠᠮᠲᠤᠷᠠᠯᠴᠠᠭ᠎ᠠ ᠵᠢᠨ 3 ᠵᠦᠢ᠍ᠯ᠎ᠤᠨ ᠪᠣᠬᠢᠷᠲᠤᠯ ᠦᠭᠡᠢ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠠᠵᠤ ᠦᠢ᠍ᠯᠡᠰ᠂ ᠤᠳᠤ ᠦᠶ᠎ᠡ ᠵᠢᠨ ᠡᠳ᠋ ᠪᠠᠷᠠᠭ᠋ᠠᠨ᠎ᠤ ᠭᠦᠢ᠍ᠯᠭᠡᠭᠡ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ᠂ ᠢᠵᠢ ᠪᠦᠷᠢᠳᠦᠭᠰᠡᠨ ᠦᠢ᠍ᠯᠡᠴᠢᠯᠡᠭᠡ ᠵᠡᠷᠭᠡ 3 ᠵᠦᠢ᠍ᠯ᠎ᠤᠨ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠪᠤᠯᠤᠨ᠎ᠠ᠃
[ᠬᠥᠲᠥᠯᠥᠭᠴᠢ]
ᠬᠥᠯᠥᠨ ᠪᠤᠢ᠍ᠢ᠍ᠷ᠎ᠤᠨ ᠳᠤᠮᠳᠠᠳᠤ ᠤᠷᠤᠰ ᠮᠣᠩᠭᠣᠯ᠎ᠤᠨ ᠬᠠᠮᠲᠤᠷᠠᠯᠴᠠᠭ᠎ᠠ ᠵᠢᠨ ᠬᠣᠰᠢᠭᠤᠴᠢ ᠣᠷᠣᠨ᠎ᠨᠢ ᠶᠠᠮᠠᠷ ᠴᠢᠭᠯᠡᠯ ᠵᠶ᠋ᠠᠷ ᠭᠠᠳᠠᠭᠰᠢ ᠨᠡᠪᠲᠡᠷᠡᠬᠦ ᠵᠠᠮ᠎ᠤᠨ ᠪᠥᠳᠥᠭᠡᠨ ᠪᠠᠶ᠋ᠢᠭᠤᠯᠤᠯᠲᠠ ᠵᠢ ᠬᠢᠵᠤ ᠪᠠᠢ᠌ᠬᠤ ᠪᠤᠢ?
[ᠸᠸᠨ ᠮᠢᠨ]
ᠬᠣᠰᠢᠭᠤᠴᠢ ᠣᠷᠣᠨ᠎ᠨᠢ ᠣᠷᠣᠰ ᠮᠣᠩᠭᠣᠯ᠎ᠲᠠᠢ ᠨᠡᠪᠲᠡᠷᠡᠯᠴᠡᠭᠰᠡᠨ᠂ ᠵᠡᠭᠦᠨ ᠬᠣᠶ᠋ᠢᠲᠤ ᠣᠷᠣᠨ᠎ᠲᠠᠢ ᠰᠠᠭ᠋ᠠᠳ ᠦᠭᠡᠢ ᠨᠡᠪᠲᠡᠷᠡᠭᠦᠯᠦᠭᠰᠡᠨ᠂ ᠳᠣᠲᠣᠷ ᠭᠠᠵᠠᠷ᠎ᠲᠠᠢ ᠵᠠᠯᠭ᠋ᠠᠯᠳᠤᠭᠰᠠᠨ ᠲᠡᠭᠡᠭᠡᠪᠦᠷᠢ ᠵᠢᠨ ᠵᠠᠮ ᠪᠤᠯᠤᠨ ᠶᠡᠷᠦᠩᠬᠡᠶ᠋ᠢᠯᠡᠭᠰᠡᠨ ᠪᠤᠰᠤᠭ᠎ᠠ ᠵᠠᠮ ᠬᠠᠷᠢᠯᠴᠠᠭ᠋ᠠᠨ᠎ᠤ ᠲᠣᠣᠷ᠎ᠢ ᠠᠯᠬᠤᠮ ᠠᠯᠬᠤᠮ ᠵᠶ᠋ᠠᠷ ᠪᠠᠢ᠌ᠭᠤᠯᠬᠤ ᠪᠤᠯᠤᠨ᠎ᠠ᠃ ᠨᠢᠭᠡ᠎ᠳᠤ ᠪᠣᠭᠣᠮᠲᠠ᠎ᠪᠠᠷ ᠦᠨᠭᠭᠡᠷᠡᠨ ᠣᠷᠣᠰ᠎ᠲᠤ 3 ᠵᠤᠷᠪᠤᠰ ᠵᠠᠮ᠎ᠢ ᠪᠠᠢ᠌ᠷᠢᠯᠠᠭᠤᠯᠤᠨ ᠪᠠᠢ᠌ᠭᠤᠯᠵᠤ᠂ ᠪᠣᠭᠣᠮᠲᠠ᠎ᠪᠠᠷ ᠦᠨᠭᠭᠡᠷᠡᠨ ᠮᠤᠨᠭ᠌ᠭᠤᠯ᠎ᠳᠤ ᠨᠡᠪᠲᠡᠷᠡᠬᠦ 2 ᠵᠤᠷᠪᠤᠰ ᠵᠠᠮ᠎ᠢ ᠲᠦᠯᠦᠪᠵᠢᠬᠦᠯᠦᠨ ᠪᠦᠳᠦᠬᠡᠨ ᠪᠠᠢ᠌ᠭᠤᠯᠵᠤ᠂ 2 ᠵᠤᠷᠪᠤᠰ ᠪᠢᠨᠵᠸᠤ ᠱᠤᠭᠤᠮ ᠪᠤᠯᠤᠨ ᠢᠮᠢᠨ ᠱᠤᠭᠤᠮ᠂ ᠢᠮᠢᠨ ᠢᠷᠱ᠌ᠢ ᠱᠤᠭᠤᠮ ᠵᠶ᠋ᠠᠷ ᠳᠠᠮᠵᠢᠨ ᠵᠡᠬᠦᠨ ᠬᠤᠢ᠌ᠲᠦ ᠤᠷᠤᠨ ᠤᠮᠠᠷᠠᠲᠤ ᠣᠷᠣᠨ᠎ᠤ ᠳᠠᠯᠠᠢ᠎ᠳᠤ ᠭᠠᠷᠬᠤ ᠪᠤᠭᠤᠮᠲᠠ ᠵᠢᠨ ᠳᠣᠲᠣᠭ᠋ᠠᠳᠤ ᠵᠠᠮ ᠲᠡᠭᠡᠭᠡᠪᠦᠷᠢ ᠵᠢ ᠬᠤᠯᠪᠤᠭᠰᠠᠨ ᠳᠠᠷᠳᠠᠩ ᠵᠠᠮ᠎ᠢ ᠪᠠᠢ᠌ᠭᠤᠯᠬᠤ ᠵᠢ ᠲᠦᠯᠬᠢᠨ ᠠᠬᠢᠭᠤᠯᠵᠤ᠂ ᠥᠨᠳᠥᠷ ᠴᠢᠳᠠᠮᠵᠢᠲᠤ ᠶᠡᠷᠦᠩᠬᠡᠶ᠋ᠢᠯᠡᠭᠰᠡᠨ ᠵᠠᠮ ᠲᠡᠭᠡᠭᠡᠪᠦᠷᠢ ᠵᠢᠨ ᠰᠢᠰᠲᠸᠮᠵᠢ ᠵᠢ ᠪᠠᠢ᠌ᠭᠤᠯᠤᠨ᠎ᠠ᠃ ᠬᠣᠶᠠᠷ᠎ᠲᠤ᠂ ᠪᠣᠭᠣᠮᠲᠠ ᠵᠢᠨ ᠰᠠᠭᠤᠷᠢ ᠪᠡᠯᠡᠳᠬᠡᠮᠵᠢ ᠵᠢ ᠥᠨᠳᠥᠷ ᠪᠠᠷᠢᠮᠵᠢᠶ᠎ᠠ᠎ᠪᠠᠷ ᠪᠦᠳᠦᠭᠡᠨ ᠪᠠᠢ᠌ᠭᠤᠯᠵᠤ᠂ ᠪᠣᠭᠣᠮᠲᠠ ᠵᠢᠨ ᠮᠡᠳᠡᠭᠡ ᠵᠠᠩᠭᠢᠵᠢᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠪᠠᠷᠠᠭ᠎ᠠ ᠪᠤᠯᠤᠨ ᠬᠥᠮᠦᠰ᠎ᠢ ᠪᠣᠭᠣᠮᠲᠠ᠎ᠪᠠᠷ ᠥᠩᠭᠡᠷᠡᠭᠦᠯᠬᠦ ᠴᠢᠳᠠᠪᠤᠷᠢ ᠵᠢ ᠳᠡᠭᠡᠭᠰᠢᠯᠡᠬᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ ᠪᠣᠯᠤᠨ ᠮᠡᠳᠡᠭᠡ ᠬᠣᠯᠪᠣᠭ᠋ᠠᠨ᠎ᠤ ᠲᠣᠣᠷ ᠰᠦᠯᠵᠢᠶ᠎ᠡ ᠵᠢᠨ ᠠᠵᠢᠯᠯᠠᠭ᠋ᠠᠨ᠎ᠤ ᠬᠠᠮᠢᠶᠠᠷᠤᠯᠲᠠ ᠵᠢᠨ ᠲᠠᠪᠴᠠᠩ ᠵᠡᠷᠭᠡ ᠪᠦᠲᠦᠭᠡᠨ ᠪᠠᠶ᠋ᠢᠭᠤᠯᠤᠯᠲᠠ ᠵᠢ
ᠴᠢᠩᠭ᠋ᠠᠳᠬᠠᠵᠤ᠂ ᠧᠦ᠋ᠷᠣᠫᠠ ᠠᠽᠢᠶ᠎ᠠ ᠵᠢᠨ ᠴᠠᠬᠢᠯᠭ᠋ᠠᠨ ᠬᠣᠯᠪᠣᠭ᠋ᠠᠨ᠎ᠤ ᠳᠠᠮᠵᠢᠭᠤᠯᠭ᠎ᠠ ᠵᠢᠨ ᠴᠢᠬᠤᠯᠠ ᠤᠶᠠᠯᠳᠤᠯ ᠴᠢᠭ᠋᠎ᠢ ᠪᠠᠢ᠌ᠭᠤᠯᠤᠨ᠎ᠠ᠃
[ᠬᠥᠲᠥᠯᠥᠭᠴᠢ]
ᠬᠥᠯᠥᠨ ᠪᠤᠢ᠍ᠢ᠍ᠷ᠎ᠤᠨ ᠳᠤᠮᠳᠠᠳᠤ ᠤᠷᠤᠰ ᠮᠣᠩᠭᠣᠯ᠎ᠤᠨ ᠬᠠᠮᠲᠤᠷᠠᠯᠴᠠᠭ᠎ᠠ ᠵᠢᠨ ᠬᠣᠰᠢᠭᠤᠴᠢ ᠣᠷᠣᠨ᠎ᠨᠢ ᠬᠥᠮᠦᠨ ᠨᠡᠶ᠋ᠢᠭᠡᠮ᠎ᠤᠨ ᠬᠦᠷᠢᠶᠡᠨ᠎ᠳᠤ ᠶᠠᠮᠠᠷ ᠶᠠᠮᠠᠷ ᠲᠠᠯ᠎ᠠ᠎ᠪᠠᠷ ᠬᠠᠮᠲᠤᠷᠠᠯᠴᠠᠬᠤ ᠪᠤᠢ?
[ᠸᠸᠨ ᠮᠢᠨ]
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠬᠢᠭᠡᠳ ᠣᠷᠣᠰ᠂ ᠮᠣᠩᠭᠣᠯ ᠤᠯᠤᠰ ᠬᠦᠷᠰᠢᠯᠡᠨ ᠵᠠᠯᠭ᠋ᠠᠯᠳᠤᠵᠤ᠂ ᠬᠥᠮᠦᠨ ᠰᠣᠶᠣᠯ ᠬᠠᠷᠢᠯᠴᠠᠨ ᠨᠠᠪᠲᠡᠷᠡᠵᠤ ᠪᠠᠢ᠌ᠭ᠎ᠠ ᠪᠤᠯᠬᠤᠷ ᠬᠣᠰᠢᠭᠤᠴᠢ ᠣᠷᠣᠨ᠎ᠨᠢ ᠤᠷᠤᠰ᠂ ᠮᠣᠩᠭᠣᠯ᠎ᠯᠤᠭ᠎ᠠ ᠵᠢᠨ ᠰᠣᠶᠣᠯ ᠰᠤᠷᠭ᠋ᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭ᠋ᠠᠯᠠᠯ᠂ ᠬᠢᠯᠢ ᠠᠯᠤᠰᠯᠠᠭᠰᠠᠨ ᠵᠢᠭᠤᠯᠴᠢᠯᠠᠯ᠂ ᠠᠮᠢ ᠠᠬᠤᠶ ᠣᠷᠴᠢᠨ ᠠᠬᠤᠶ ᠵᠢᠨ ᠬᠠᠮᠠᠭ᠋ᠠᠯᠠᠯᠲᠠ ᠵᠡᠷᠭᠡ ᠬᠦᠷᠢᠶᠡᠨ᠎ᠳᠠᠬᠢ ᠰᠣᠯᠢᠯᠴᠠᠭ᠎ᠠ ᠬᠠᠮᠲᠤᠷᠠᠯᠴᠠᠭ᠎ᠠ ᠵᠢᠨ ᠰᠠᠭᠤᠷᠢ᠎ᠳᠤ ᠭᠦᠢ᠍ᠴᠡᠳ ᠲᠦᠰᠢᠭᠯᠡᠨ᠂ ᠭᠣᠣᠯᠳᠠᠭᠤ ᠰᠣᠶᠣᠯ᠎ᠤᠨ ᠬᠤᠷᠠᠯ ᠦᠵᠡᠭᠦᠯᠦᠯᠭᠡ᠂ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠮᠡᠷᠭᠡᠵᠢᠯ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠂ ᠡᠮ ᠡᠮᠨᠡᠯᠭᠡ ᠡᠷᠡᠭᠦᠯ ᠬᠠᠮᠠᠭ᠋ᠠᠯᠠᠯ ᠵᠡᠷᠭᠡ ᠳᠥᠷᠪᠡᠨ ᠲᠠᠯ᠎ᠠ ᠵᠢᠨ ᠬᠥᠮᠦᠨ ᠰᠣᠶᠣᠯ᠎ᠤᠨ ᠰᠣᠯᠢᠯᠴᠠᠭ᠎ᠠ ᠬᠤᠷᠰᠢᠯᠴᠠᠭ᠎ᠠ ᠵᠢᠨ ᠬᠦᠷᠢᠶ᠎ᠡ᠎ᠳᠤ ᠬᠠᠮᠲᠤᠷᠠᠯᠴᠠᠭ᠎ᠠ᠎ᠪᠠᠨ ᠦᠷᠨᠢᠬᠦᠯᠦᠨ᠎ᠡ᠃
[ᠬᠥᠲᠥᠯᠥᠭᠴᠢ]
ᠬᠥᠯᠥᠨ ᠪᠦᠢ᠍ᠷ᠎ᠤᠨ ᠳᠤᠮᠳᠠᠳᠤ ᠤᠷᠤᠰ ᠮᠣᠩᠭᠣᠯ᠎ᠤᠨ ᠬᠠᠮᠲᠤᠷᠠᠯᠴᠠᠭ᠎ᠠ ᠵᠢᠨ ᠬᠣᠰᠢᠭᠤᠴᠢ ᠣᠷᠣᠨ᠎ᠢ ᠪᠠᠢ᠌ᠭᠤᠯᠬᠤ᠎ᠳᠤ ᠶᠠᠮᠠᠷ ᠶᠠᠮᠠᠷ ᠥᠭᠡᠷᠡᠴᠢᠯᠡᠯᠲᠡ ᠬᠢᠵᠦ ᠰᠢᠨ᠎ᠡ ᠵᠢ ᠡᠬᠦᠳᠦᠭᠰᠡᠨ ᠵᠦᠢ᠍ᠯ ᠪᠠᠢ᠌ᠬᠤ ᠪᠤᠢ?
[ᠸᠸᠨ ᠮᠢᠨ]
ᠥᠪᠡᠷᠲᠡᠭᠡᠨ ᠵᠠᠰᠠᠬᠤ ᠣᠷᠣᠨ ᠤᠯᠤᠰ᠎ᠤᠨ 《ᠨᠢᠭᠡ ᠪᠦᠰᠡ ᠨᠢᠭᠡ ᠵᠠᠮ》᠎ᠤᠨ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ᠎ᠲᠠᠢ ᠤᠶᠠᠯᠳᠤᠭᠤᠯᠤᠨ᠂ ᠬᠥᠯᠥᠨ ᠪᠤᠢ᠍ᠢ᠍ᠷ᠎ᠤᠨ ᠳᠤᠮᠳᠠᠳᠤ ᠤᠷᠤᠰ ᠮᠣᠩᠭᠣᠯ᠎ᠤᠨ ᠬᠠᠮᠲᠤᠷᠠᠯᠴᠠᠭ᠎ᠠ ᠵᠢᠨ ᠬᠣᠰᠢᠭᠤᠴᠢ ᠣᠷᠣᠨ᠎ᠤ ᠪᠠᠶ᠋ᠢᠭᠤᠯᠤᠯ᠎ᠤᠨ ᠲᠣᠭᠲᠠᠴᠠ ᠵᠢᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠠᠵᠢᠯ᠎ᠢ ᠦᠷᠨᠢᠬᠦᠯᠬᠦ ᠵᠢ᠎ᠨᠢ ᠠᠯᠬᠤᠮ ᠠᠯᠬᠤᠮ ᠵᠶ᠋ᠠᠷ ᠲᠥᠯᠬᠢᠨ ᠠᠬᠢᠭᠤᠯᠤᠨ᠎ᠠ᠂ ᠡᠭᠦᠨ᠎ᠳᠤ ᠭᠣᠣᠯᠳᠠᠭᠤ ᠭᠠᠳᠠᠭ᠋ᠠᠳᠤ᠎ᠲᠠᠢ ᠬᠠᠮᠲᠤᠷᠠᠨ ᠠᠵᠢᠯᠯᠠᠬᠤ ᠠᠷᠭ᠎ᠠ ᠬᠡᠯᠪᠡᠷᠢ ᠵᠢᠨ ᠲᠠᠯ᠎ᠠ᠎ᠪᠠᠷ ᠰᠢᠨ᠎ᠡ ᠵᠢ ᠡᠬᠦᠳᠬᠦ᠂ ᠪᠣᠭᠣᠮᠲᠠ ᠵᠢᠨ ᠬᠠᠮᠢᠶᠠᠷᠤᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ᠂ ᠠᠵᠤ ᠦᠢ᠍ᠯᠡᠰ᠎ᠤᠨ ᠬᠥᠭᠵᠢᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠬᠦᠯᠬᠦ᠂ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠬᠦᠨᠵᠡᠭᠡᠢ᠌ᠷᠡᠬᠦᠯᠬᠦ ᠳᠥᠷᠪᠡᠨ ᠲᠠᠯ᠎ᠠ ᠵᠢ ᠪᠠᠭᠲᠠᠭ᠋ᠠᠵᠤ᠂ ᠵᠣᠬᠢᠶᠠᠨ ᠪᠠᠶ᠋ᠢᠭᠤᠯᠤᠯᠲᠠ ᠵᠢᠨ ᠰᠢᠨ᠎ᠡ ᠵᠢ ᠡᠭᠦᠳᠬᠦ᠎ᠪᠠᠷ ᠲᠦᠯᠬᠢᠨ ᠠᠬᠢᠭᠤᠯᠬᠤ ᠲᠣᠭᠲᠠᠴᠠ᠂ ᠨᠡᠭᠡᠭᠡᠨ ᠬᠦᠭᠵᠢᠬᠦᠯᠬᠦ ᠴᠢᠯᠦᠭᠡᠲᠠᠢ ᠶᠠᠪᠤᠯᠴᠠᠬᠤ ᠬᠠᠮᠲᠤᠷᠠᠯᠴᠠᠭ᠎ᠠ ᠵᠢᠨ ᠲᠣᠭᠲᠠᠴᠠ᠂ ᠪᠣᠭᠣᠮᠲᠠ᠎ᠪᠠᠷ ᠦᠨᠭᠭᠡᠷᠡᠭᠦᠯᠬᠦ ᠥᠨᠳᠥᠷ ᠪᠦᠲᠦᠮᠵᠢᠲᠡᠶ ᠲᠣᠭᠲᠠᠴᠠ᠂ ᠠᠵᠤ ᠦᠢ᠍ᠯᠡᠰ᠎ᠢ ᠠᠬᠢᠭᠤᠯᠬᠤ ᠲᠣᠭᠲᠠᠴᠠ᠂ ᠰᠢᠨ᠎ᠡ ᠮᠠᠶᠢᠭ᠎ᠤᠨ ᠴᠢᠳᠠᠪᠤᠷᠢᠲᠠᠨ᠎ᠢ ᠣᠷᠣᠭᠤᠯᠵᠤ ᠢᠷᠡᠬᠦ ᠪᠠ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠵᠡᠷᠭᠡ ᠠᠵᠢᠯ᠎ᠢ ᠭᠣᠣᠯᠳᠠᠯᠭ᠎ᠠ᠎ᠲᠠᠢ ᠦᠷᠨᠢᠬᠦᠯᠦᠨ᠎ᠡ᠃
[ᠬᠥᠲᠥᠯᠥᠭᠴᠢ]
《ᠲᠥᠯᠥᠪᠵᠢᠭᠦᠯᠭᠡ》 ᠵᠢ ᠴᠤᠬᠤᠯᠠᠪᠤᠷᠢᠯᠠᠭᠰᠠᠨ᠎ᠨᠢ ᠬᠥᠯᠥᠨ ᠪᠤᠢ᠍ᠢ᠍ᠷ᠎ᠤᠨ ᠳᠤᠮᠳᠠᠳᠤ ᠤᠷᠤᠰ ᠮᠣᠩᠭᠣᠯ᠎ᠤᠨ ᠬᠠᠮᠲᠤᠷᠠᠯᠴᠠᠭ᠎ᠠ ᠵᠢᠨ ᠬᠣᠰᠢᠭᠤᠴᠢ ᠣᠷᠣᠨ᠎ᠤ ᠪᠦᠳᠦᠭᠡᠨ ᠪᠠᠶ᠋ᠢᠭᠤᠯᠤᠯᠲᠠ᠎ᠳᠤ ᠶᠠᠮᠠᠷ ᠶᠠᠮᠠᠷ ᠠᠵᠠ ᠲᠣᠬᠢᠶᠠᠯ ᠬᠠᠨᠭ᠌ᠭ᠋ᠠᠭᠰᠠᠨ ᠪᠤᠢ?
[ᠸᠸᠨ ᠮᠢᠨ]
ᠨᠢᠭᠡ᠎ᠳᠤ ᠤᠯᠤᠰ᠎ᠤᠨ ᠳᠡᠰ ᠳᠠᠪᠬᠤᠷᠭ᠎ᠠ᠎ᠠᠴᠠ 《ᠧᠦ᠋ᠷᠣᠫᠠ ᠠᠽᠢᠶ᠎ᠠ ᠵᠢᠨ ᠡᠬᠡ ᠬᠠᠭᠤᠷᠠᠶ ᠵᠢᠨ ᠬᠥᠭᠥᠷᠭᠡ ᠵᠢᠨ ᠴᠢᠬᠤᠯᠠ ᠬᠦᠢ᠍ᠰᠦ᠂ ᠬᠢᠯᠢ ᠳᠠᠭ᠋ᠠᠤ ᠣᠷᠣᠨ᠎ᠤ ᠨᠡᠭᠡᠭᠡᠯᠲᠡ ᠬᠢᠵᠤ ᠬᠠᠮᠲᠤᠷᠠᠯᠴᠠᠬᠤ ᠬᠦᠭᠵᠢᠯᠲᠡ ᠵᠢᠨ ᠭᠣᠣᠯᠳᠠᠯᠭ᠎ᠠ᠎ᠲᠠᠢ ᠣᠷᠣᠨ᠂ ᠪᠠᠶ᠋ᠢᠭᠤᠯᠤᠯ᠎ᠤᠨ ᠲᠣᠭᠲᠠᠴᠠ ᠵᠢᠨ ᠥᠭᠡᠷᠡᠴᠢᠯᠡᠯᠲᠡ ᠬᠢᠵᠤ ᠰᠢᠨ᠎ᠡ ᠵᠢ ᠡᠭᠦᠳᠬᠦ ᠬᠤᠰᠢᠭᠤᠴᠢ ᠣᠷᠣᠨ᠂ ᠬᠥᠷᠰᠢᠯᠦᠭᠡ ᠨᠥᠬᠥᠷᠰᠡᠭ ᠪᠦᠭᠡᠳ ᠬᠢᠯᠢ ᠬᠢᠵᠠᠭ᠋ᠠᠷ ᠠᠮᠤᠷ ᠲᠣᠭᠲᠠᠭᠤᠨ ᠪᠠᠢ᠌ᠬᠤ ᠵᠢᠱ᠌ᠢᠶ᠎ᠡ ᠦᠵᠡᠭᠦᠯᠬᠦ ᠣᠷᠣᠨ》᠎ᠤ ᠨᠡᠭᠡᠭᠡᠯᠳᠡ ᠵᠢᠨ ᠪᠠᠶ᠋ᠢᠯᠳᠤᠬᠤ ᠪᠤᠳᠤᠯᠭ᠎ᠠ ᠵᠢᠨ ᠤᠷᠤᠨ ᠪᠠᠢ᠌ᠷᠢᠰᠢᠯ᠎ᠢ ᠤᠯᠭᠤᠪᠠ᠃ ᠬᠣᠶᠠᠷ᠎ᠲᠤ ᠤᠯᠤᠰ᠎ᠠᠴᠠ ᠴᠢᠯᠥᠭᠡᠲᠡᠶ ᠶᠠᠪᠤᠯᠴᠠᠬᠤ ᠣᠯᠠᠨ ᠲᠤᠢ᠍ᠷᠦ ᠵᠢᠨ ᠪᠤᠳᠦᠯᠭ᠎ᠠ ᠵᠢ ᠤᠯᠭᠤᠭᠰᠠᠨ ᠪᠠᠶ᠋ᠢᠨ᠎ᠠ᠃ ᠡᠭᠦᠨ᠎ᠳᠤ ᠱᠠᠩᠬᠠᠶ ᠵᠢᠨ ᠴᠢᠯᠥᠭᠡᠲᠦ ᠠᠷᠠᠯᠵᠢᠶᠠᠨ᠎ᠤ ᠣᠷᠣᠨ᠎ᠢ ᠳᠠᠭᠤᠷᠢᠶᠠᠵᠤ ᠪᠤᠯᠬᠤ ᠬᠠᠮᠢᠶ᠎ᠠ ᠪᠦᠬᠦᠢ ᠲᠦᠷᠦ ᠵᠢᠨ ᠪᠤᠳᠤᠯᠭ᠎ᠠ᠂ ᠳᠠᠷᠤᠢ ᠲᠥᠪ᠎ᠤᠨ ᠲᠥᠰᠦᠪ᠎ᠤᠨ ᠳᠣᠲᠣᠷᠠᠬᠢ ᠰᠠᠭᠤᠷᠢ ᠪᠡᠯᠡᠳᠭᠡᠮᠵᠢ ᠵᠢᠨ ᠪᠡᠯᠡ ᠣᠷᠣᠭᠤᠯᠤᠯᠲᠠ ᠵᠢᠨ ᠡᠷᠴᠢᠮ᠎ᠢ ᠴᠢᠨᠭ᠌ᠭ᠋ᠠᠷᠠᠭᠤᠯᠤᠨ᠂ ᠨᠥᠬᠥᠪᠥᠷᠢ ᠵᠢᠨ ᠬᠠᠷᠢᠴᠠᠯ᠎ᠢ ᠳᠡᠭᠡᠭᠰᠢᠯᠡᠭᠦᠯᠦᠨ᠂ ᠣᠷᠣᠨ ᠨᠤᠲᠤᠭ᠎ᠤᠨ ᠢᠵᠢ ᠪᠦᠷᠢᠳᠦᠭᠦᠯᠬᠦ ᠵᠢ ᠬᠠᠰᠤᠵᠤ ᠬᠡᠯᠲᠦᠷᠢᠭᠦᠯᠦᠨ᠂ ᠭᠠᠳᠠᠭ᠋ᠠᠳᠤ ᠡᠬᠢ ᠪᠠᠶᠠᠯᠢᠭ᠎ᠤᠨ ᠴᠢᠨᠠᠷᠲᠠᠶ ᠠᠵᠤ ᠦᠢ᠍ᠯᠡᠰ᠎ᠤᠨ ᠬᠠᠮᠲᠤᠷᠠᠯᠴᠠᠭ᠎ᠠ ᠪᠤᠯᠤᠨ ᠬᠦᠷᠢᠶᠡᠯᠡᠩ ᠲᠣᠭᠣᠷᠢᠭ ᠵᠡᠷᠭᠡ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢᠨ ᠨᠥᠬᠥᠪᠥᠷᠢ ᠣᠯᠭᠣᠬᠤ ᠵᠢ ᠨᠡᠮᠡᠭᠳᠡᠭᠦᠯᠬᠦ ᠵᠡᠷᠭᠡ ᠵᠢ ᠪᠠᠭᠲᠠᠭ᠋ᠠᠪᠠ᠃ ᠭᠤᠷᠪᠠ᠎ᠳᠤ
《ᠬᠠᠢ᠌ᠯᠠᠷ — ᠴᠢᠲ᠋ᠠ — ᠴᠣᠶ᠋ᠢᠪᠠᠯᠰᠠᠩ》᠎ᠤᠨ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠠᠯᠲᠠᠨ ᠭᠤᠷᠪᠠᠯᠵᠢᠨ ᠣᠷᠣᠨ᠎ᠢ ᠳᠡᠮᠵᠢᠨ ᠴᠤᠭᠴᠠᠯᠠᠵᠤ᠂ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ᠂ ᠬᠢᠯᠢ ᠳᠠᠭ᠋ᠠᠤ ᠬᠠᠮᠲᠤᠷᠠᠯᠴᠠᠭ᠋ᠠᠨ᠎ᠤ ᠣᠷᠣᠨ᠂ ᠬᠢᠯᠢ ᠠᠯᠤᠰᠯᠠᠭᠰᠠᠨ ᠬᠠᠮᠲᠤᠷᠠᠯᠴᠠᠭ᠋ᠠᠨ᠎ᠤ ᠣᠷᠣᠨ ᠵᠡᠷᠭᠡ ᠭᠠᠳᠠᠭ᠋ᠠᠳᠤ᠎ᠲᠠᠢ ᠴᠢᠯᠥᠭᠡᠲᠡᠶ ᠶᠠᠪᠤᠯᠴᠠᠵᠤ ᠬᠠᠮᠲᠤᠷᠠᠯᠴᠠᠬᠤ ᠲᠠᠪᠴᠠᠩ ᠪᠣᠯᠤᠨ ᠭᠠᠷᠠᠮ᠎ᠤᠨ ᠭᠠᠶ᠋ᠢᠯᠢ ᠭᠡᠯᠲᠦᠷᠢᠬᠦᠯᠬᠦ ᠣᠷᠣᠨ᠂ ᠭᠠᠶ᠋ᠢᠯᠢ ᠪᠠᠲᠤᠯᠠᠬᠤ ᠰᠠᠩ ᠬᠥᠮᠥᠷᠭᠡ ᠵᠡᠷᠭᠡ ᠪᠣᠭᠣᠮᠲᠠ ᠵᠢᠨ ᠣᠨᠴᠠᠭ᠋ᠠᠶ ᠬᠢᠨᠠᠨ ᠬᠠᠮᠢᠶᠠᠷᠤᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠳᠡᠮᠵᠢᠵᠤ᠂ ᠶᠠᠷᠢᠶ᠎ᠠ ᠬᠡᠯᠡᠯᠴᠡᠭᠡᠨ᠎ᠤ ᠲᠠᠪᠴᠠᠩ᠎ᠤᠨ ᠬᠤᠷᠠᠯ ᠴᠤᠭᠯᠠᠭ᠋ᠠᠨ᠎ᠢ ᠳᠡᠮᠵᠢᠨ ᠦᠷᠨᠢᠬᠦᠯᠦᠭᠰᠡᠨ ᠵᠡᠷᠭᠡ ᠪᠣᠯᠤᠨ᠎ᠠ᠃
[ᠬᠥᠲᠥᠯᠥᠭᠴᠢ]
ᠥᠪᠡᠷᠲᠡᠭᠡᠨ ᠵᠠᠰᠠᠬᠤ ᠣᠷᠣᠨ 《ᠲᠥᠯᠥᠪᠵᠢᠭᠦᠯᠭᠡ》 ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ᠎ᠳᠤ ᠶᠠᠮᠠᠷ ᠭᠣᠣᠯᠳᠠᠯᠭ᠎ᠠ᠎ᠲᠠᠢ ᠠᠷᠭ᠎ᠠ ᠬᠡᠮᠵᠢᠶ᠎ᠡ ᠠᠪᠤᠭᠰᠠᠨ ᠪᠤᠢ?
[ᠸᠸᠨ ᠮᠢᠨ]
ᠨᠢᠭᠡ᠎ᠳᠤ 《ᠲᠥᠯᠥᠪᠵᠢᠭᠦᠯᠭᠡ》 ᠵᠢ ᠤᠬᠠᠭᠤᠯᠤᠨ ᠲᠦᠯᠬᠢᠨ ᠠᠬᠢᠭᠤᠯᠬᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ 《ᠲᠥᠯᠥᠪᠵᠢᠭᠦᠯᠭᠡ》 ᠵᠢᠨ ᠭᠤᠤᠯ ᠠᠭᠤᠯᠭ᠎ᠠ ᠵᠢ ᠤᠬᠠᠭᠤᠯᠤᠨ ᠲᠠᠢ᠌ᠯᠪᠤᠷᠢᠯᠠᠪᠠ᠃ ᠬᠣᠶᠠᠷ᠎ᠲᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠦᠨᠡᠨᠬᠦ ᠴᠢᠩᠭ᠋ᠠᠳᠬᠠᠵᠤ᠂ ᠡᠭᠦᠷᠭᠡ ᠵᠢᠨ ᠬᠤᠪᠢᠶᠠᠷᠢᠯᠠᠯ ᠵᠶ᠋ᠠᠨ ᠲᠣᠳᠣᠷᠬᠠᠶ᠋ᠢᠯᠠᠨ᠂ 《ᠲᠥᠯᠥᠪᠵᠢᠭᠦᠯᠭᠡ》᠎ᠳᠤ ᠳᠤᠷᠠᠳᠤᠭᠰᠠᠨ ᠬᠠᠷᠠᠯᠲᠠ᠂ ᠡᠭᠦᠷᠭᠡ ᠪᠤᠯᠤᠨ ᠱᠠᠭ᠋ᠠᠷᠳᠠᠯᠭ᠎ᠠ ᠶᠣᠰᠣᠭ᠋ᠠᠷ᠂ ᠪᠣᠳᠠᠲᠠᠶ ᠬᠡᠷᠡᠭᠵᠢᠭᠦᠯᠬᠦ ᠲᠥᠰᠦᠯ᠎ᠢ ᠰᠤᠳᠤᠯᠤᠨ ᠲᠣᠭᠲᠠᠭ᠋ᠠᠵᠤ᠂ 《ᠲᠦᠯᠦᠪᠵᠢᠬᠦᠯᠭᠡ》 ᠵᠢ ᠦᠨᠡᠨ ᠬᠦ᠌ ᠪᠣᠳᠠᠲᠠᠶ ᠭᠠᠵᠠᠷ᠎ᠲᠤᠨᠢ ᠨᠠᠢ᠌ᠳᠠᠪᠤᠷᠢᠵᠢᠭᠤᠯᠪᠠ᠃ ᠭᠤᠷᠪᠠ᠎ᠳᠤ ᠤᠯᠤᠰ᠎ᠤᠨ ᠬᠣᠯᠪᠣᠭᠳᠠᠯ ᠪᠦᠬᠦᠢ ᠶᠠᠮᠤᠨ ᠵᠦᠪᠯᠡᠯ᠎ᠯᠦᠭᠡ ᠢᠳᠡᠪᠬᠢᠲᠠᠢ᠎ᠪᠠᠷ ᠨᠡᠪᠲᠡᠷᠡᠯᠴᠡᠬᠦ ᠵᠢ ᠴᠢᠩᠭ᠋ᠠᠳᠬᠠᠨ᠂ ᠡᠯ᠎ᠡ ᠵᠦᠢ᠍ᠯ᠎ᠤᠨ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ ᠲᠡᠭᠦᠯᠳᠡᠷᠵᠢᠬᠦᠯᠬᠦ ᠵᠢ ᠴᠢᠨᠭᠭ᠎ᠠ ᠠᠳᠬᠤᠨ᠂ 《ᠲᠥᠯᠥᠪᠵᠢᠭᠦᠯᠭᠡ》 ᠵᠢᠨ ᠤᠷᠤᠭᠰᠢᠲᠠᠶ ᠬᠡᠷᠡᠭᠵᠢᠬᠦᠯᠦᠭᠳᠡᠬᠦ ᠵᠢ ᠦᠨᠡᠨ ᠬᠦ᠌ ᠪᠠᠲᠤᠯᠠᠭᠰᠠᠨ ᠪᠠᠢ᠌ᠨ᠎ᠠ᠃
[ᠬᠥᠲᠥᠯᠥᠭᠴᠢ]
ᠵᠠ ᠰᠠᠢ᠌ᠨ ᠪᠤᠯᠤᠯ᠎ᠠ᠂ ᠸᠸᠨ ᠡᠷᠬᠢᠯᠡᠭᠴᠢ ᠵᠢᠨ ᠨᠠᠷᠢᠨ ᠲᠤᠲᠤᠷᠬᠠᠢ ᠲᠠᠢ᠌ᠯᠪᠤᠷᠢᠯᠠᠭᠰᠠᠨ᠎ᠳᠤ ᠲᠠᠯᠠᠷᠬᠠᠵᠤ ᠪᠠᠢ᠌ᠨ᠎ᠠ᠂ ᠡᠬᠦᠨ ᠵᠶ᠋ᠠᠷ ᠳᠠᠮᠵᠢᠨ ᠪᠢᠳᠡ 《ᠲᠥᠯᠥᠪᠵᠢᠭᠦᠯᠭᠡ》 ᠵᠢ ᠨᠡᠶ᠋ᠢᠲᠡᠯᠡᠨ ᠬᠡᠷᠡᠭᠵᠢᠬᠦᠯᠦᠭᠰᠡᠨ᠎ᠳᠤ ᠨᠡᠩ ᠭᠦᠨᠵᠡᠭᠡᠶ ᠤᠢ᠌ᠯᠠᠭ᠋ᠠᠯᠲᠠ ᠲᠠᠨᠢᠯᠲᠠ᠎ᠲᠠᠢ ᠪᠤᠯᠤᠭᠰᠠᠨ ᠪᠠᠢ᠌ᠨ᠎ᠠ᠃ ᠡᠭᠦᠨ᠎ᠤ ᠬᠠᠮᠲᠤ ᠰᠦᠯᠵᠢᠶᠡᠨ ᠠᠨᠳᠠ ᠨᠠᠷ᠎ᠤᠨ ᠬᠦᠯᠢᠶᠡᠨ ᠠᠪᠴᠤ ᠦᠵᠡᠭᠰᠡᠨ᠎ᠳᠤ ᠲᠠᠯᠠᠷᠬᠠᠵᠤ ᠪᠠᠶ᠋ᠢᠨ᠎ᠠ᠂ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠦᠨᠳᠦᠷᠯᠡᠯ᠎ᠡ᠂ ᠳᠠᠷᠠᠭ᠋ᠠᠴᠢ ᠵᠢᠨ ᠫᠷᠤᠭ᠌ᠷᠠᠮ᠎ᠳᠤ ᠪᠠᠶᠠᠷᠲᠠᠶ ᠵᠤᠯᠭ᠋ᠠᠶ᠎ᠠ!