
ᠰᠤᠷᠪᠣᠯᠵᠢᠯᠠᠭᠰᠠᠨ ᠴᠠᠭ᠄
2016 ᠣᠨ᠎ᠤ 10 ᠳ᠋ᠤᠭ᠋ᠠᠷ ᠰᠠᠷ᠎ᠠ ᠵᠢᠨ 8᠎ᠤ ᠡᠳᠦᠷ᠎ᠤᠨ ᠦᠳᠡ ᠵᠢᠨ ᠡᠮᠦᠨᠡᠬᠢ 10 ᠴᠠᠭ
ᠰᠣᠷᠪᠣᠯᠵᠢᠯᠠᠭᠰᠠᠨ ᠵᠣᠴᠢᠨ᠄
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ
ᠯᠢ ᠵᠢᠶᠦ᠋ᠨ
ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
ᠨᠢᠳᠤᠨᠤᠨ᠎ᠤ 10 ᠳ᠋ᠤᠭ᠋ᠠᠷ ᠰᠠᠷ᠎ᠠ ᠵᠢᠨ ᠰᠡᠭᠦᠯᠴᠢ᠎ᠪᠠᠷ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ 《ᠬᠥᠳᠡᠭᠡ ᠲᠣᠰᠬᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠥᠷᠭᠡᠨ ᠬᠦᠭᠵᠢᠯᠲᠡ ᠵᠢ ᠠᠬᠢᠭᠤᠯᠬᠤ ᠲᠤᠬᠠᠶ ᠵᠢᠯᠣᠭᠣᠳᠬᠤ ᠰᠠᠨᠠᠯ》 (ᠲᠥᠷᠥ ᠲᠠᠷᠬᠠᠭ᠋ᠠᠭᠰᠠᠨ [2015] 78 ᠳ᠋ᠤᠭ᠋ᠠᠷ ᠲᠣᠭ᠋ᠠᠲᠤ)᠎ᠢ ᠲᠠᠷᠬᠠᠭ᠋ᠠᠵᠤ᠂ ᠡᠯ᠎ᠡ ᠭᠠᠵᠠᠷ᠎ᠲᠤ ᠪᠤᠳᠠᠲᠠᠢᠲᠠᠢᠪᠠᠨ ᠤᠶᠠᠯᠳᠤᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠬᠥᠳᠡᠭᠡ ᠲᠣᠰᠬᠣᠨ᠎ᠤ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠬᠥᠭᠵᠢᠯᠲᠡ ᠵᠢ ᠠᠬᠢᠭᠤᠯᠬᠤ ᠬᠡᠷᠡᠭᠵᠢᠭᠦᠯᠬᠦ ᠲᠦᠰᠦᠯ ᠵᠶ᠋ᠡᠨ ᠲᠣᠭᠲᠠᠭ᠋ᠠᠬᠤ ᠬᠡᠷᠡᠭᠲᠡᠢ ᠭᠡᠵᠦ ᠱᠠᠭ᠋ᠠᠷᠳᠠᠪᠠ᠃ ᠲᠥᠪ᠎ᠤᠨ ᠪᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠬᠥᠳᠡᠭᠡ ᠲᠣᠰᠬᠣᠨ᠎ᠤ ᠤᠳᠤ ᠦᠶ᠎ᠡ ᠵᠢᠨ ᠵᠠᠬ᠎ᠠ ᠳᠡᠯᠭᠡᠭᠦᠷ᠎ᠤᠨ ᠰᠢᠰᠲ᠋ᠧᠮᠵᠢ ᠵᠢ ᠪᠦᠷᠢᠨᠰᠢᠭᠦᠯᠦᠨ᠂ ᠬᠥᠳᠡᠭᠡ ᠲᠣᠰᠬᠣᠨ᠎ᠤ ᠭᠦᠢ᠍ᠯᠭᠡᠭᠡᠨ᠎ᠤ ᠣᠳᠣᠬᠢᠴᠢᠯᠠᠯᠲᠠ ᠵᠢ ᠠᠬᠢᠭᠤᠯᠵᠤ᠂ ᠬᠥᠳᠡᠭᠡ ᠲᠣᠰᠬᠣᠨ᠎ᠤ ᠭᠦᠢ᠍ᠯᠭᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠬᠡᠷᠡᠭᠯᠡᠭᠡᠨ᠎ᠤ ᠳᠠᠯᠳᠠ ᠬᠦᠴᠦᠨ᠎ᠢ ᠬᠦᠭᠵᠢᠭᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠬᠥᠳᠡᠭᠡ ᠲᠣᠰᠬᠣᠨ᠎ᠤ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠲᠥᠷᠭᠡᠨ ᠬᠦᠭᠵᠢᠯᠲᠡ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠲᠣᠭᠲᠠᠭ᠋ᠠᠪᠠ᠃ 《ᠰᠠᠨᠠᠯ》᠎ᠢ ᠨᠠᠷᠢᠨ ᠣᠢ᠌ᠯᠠᠭ᠋ᠠᠬᠤ ᠵᠢᠨ ᠲᠥᠯᠥᠭᠡ᠂ ᠣᠢ᠌ᠷ᠎ᠡ᠎ᠳᠤ ᠪᠢᠳᠡ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠯᠢ ᠵᠢᠶᠦ᠋ᠨ᠎ᠢ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ᠎ᠳᠡᠭᠡᠨ ᠤᠷᠢᠯ᠎ᠠ᠃ ᠥᠷᠭᠡᠨ ᠣᠯᠠᠨ ᠰᠦᠯᠵᠢᠶᠡᠨ᠎ᠤ ᠠᠨᠳᠠ ᠨᠠᠷ ᠢᠳᠡᠪᠬᠢᠲᠡᠶ ᠣᠷᠣᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ!
ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ
ᠬᠥᠲᠥᠯᠥᠭᠴᠢ᠄
ᠰᠦᠯᠵᠢᠶᠡᠨ᠎ᠤ ᠠᠨᠳᠠ ᠨᠠᠷ ᠰᠠᠢ᠍ᠢ᠍ᠨ ᠪᠠᠢ᠌ᠵᠠᠭ᠋ᠠᠨ᠎ᠠ ᠤᠤ᠂ ᠲᠤᠰ ᠬᠤᠭᠤᠴᠠᠭ᠋ᠠᠨ᠎ᠤ 《ᠳᠤᠮᠳᠠᠳᠤ ᠤᠯᠤᠰ· ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳᠠᠨ᠎ᠤ ᠤᠷᠢᠭᠰᠠᠨ ᠵᠣᠴᠢᠨ ᠪᠣᠯ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠯᠢ ᠵᠢᠶᠦ᠋ᠨ ᠪᠣᠯᠣᠨ᠎ᠠ᠃ ᠯᠢ ᠲᠢᠩᠬᠢᠮ᠎ᠤᠨ ᠳᠠᠷᠤᠭ᠎ᠠ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
ᠯᠢ ᠵᠢᠶᠦ᠋ᠨ᠄
ᠬᠥᠲᠥᠯᠥᠭᠴᠢ ᠰᠠᠢ᠍ᠢ᠍ᠨ ᠤᠤ᠂ ᠰᠦᠯᠵᠢᠶᠡᠨ᠎ᠤ ᠠᠨᠳᠠ ᠨᠠᠷ ᠲᠠ ᠪᠦᠭᠦᠨ ᠰᠠᠢ᠌ᠨ ᠪᠠᠢ᠌ᠵᠠᠭ᠋ᠠᠨ᠎ᠠ ᠤᠤ!
ᠬᠥᠲᠥᠯᠥᠭᠴᠢ᠄
ᠯᠢ ᠲᠢᠩᠬᠢᠮ᠎ᠤᠨ ᠳᠠᠷᠤᠭ᠎ᠠ ᠡ᠂ 8 ᠳ᠋ᠤᠭ᠋ᠠᠷ ᠰᠠᠷ᠎ᠠ ᠵᠢᠨ 31᠎ᠤ ᠡᠳᠦᠷ᠂ ᠮᠠᠨ᠎ᠤ ᠣᠷᠣᠨ 《ᠬᠥᠳᠡᠭᠡ ᠲᠣᠰᠬᠣᠨ᠎ᠤ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠢ ᠲᠦᠷᠭᠡᠨ ᠬᠦᠭᠵᠢᠭᠦᠯᠬᠦ ᠲᠣᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2016] 112 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠪᠠ᠂ ᠲᠠ ᠣᠳᠣ ᠬᠡᠷᠡᠭᠵᠢᠭᠦᠯᠬᠦ ᠰᠠᠨᠠᠯ᠎ᠢ ᠲᠣᠭᠲᠠᠭ᠋ᠠᠭᠰᠠᠨ ᠠᠬᠤᠶ ᠪᠠᠶ᠋ᠢᠳᠠᠯ᠎ᠢ ᠶᠠᠷᠢᠭ᠋ᠠᠳ ᠥᠭᠭᠦᠨ᠎ᠡ ᠤᠤ?
ᠯᠢ ᠵᠢᠶᠦ᠋ᠨ᠄
ᠤᠢ᠍ᠢ᠍ᠷ᠎ᠠ ᠵᠢᠨ ᠵᠢᠯ᠎ᠤᠳ᠎ᠲᠤ᠂ ᠢᠨᠲᠸᠷ ᠰᠦᠯᠵᠢᠶᠡᠨ᠎ᠤ ᠲᠦᠭᠡᠮᠡᠯᠵᠢᠬᠦ ᠪᠠ ᠬᠥᠳᠡᠭᠡ ᠲᠣᠰᠬᠣᠨ᠎ᠤ ᠰᠠᠭᠤᠷᠢ ᠪᠡᠯᠡᠳᠬᠡᠮᠵᠢ ᠵᠢᠨ ᠪᠦᠷᠢᠨᠰᠢᠬᠦ ᠵᠢ ᠳᠠᠭ᠋ᠠᠯᠳᠤᠨ᠂ ᠮᠠᠨ᠎ᠤ ᠣᠷᠣᠨ᠎ᠤ ᠬᠥᠳᠡᠭᠡ ᠲᠣᠰᠬᠣᠨ᠎ᠤ ᠡᠯᠧᠺᠲᠷᠣᠨ ᠬᠤᠳᠠᠯᠳᠤᠭ᠋ᠠᠨ᠎ᠤ ᠶᠠᠪᠤᠳᠠᠯ ᠲᠦᠷᠭᠡᠨ ᠬᠥᠭᠵᠢᠵᠦ᠂ ᠬᠥᠳᠡᠭᠡ ᠲᠣᠰᠬᠣᠨ᠎ᠤ ᠬᠤᠳᠠᠯᠳᠤᠭ᠋ᠠᠨ᠎ᠤ ᠵᠠᠭᠪᠤᠷᠰᠢᠯ ᠲᠠᠰᠤᠷᠠᠯᠲᠠ ᠦᠭᠡᠢ ᠰᠢᠨᠡᠴᠢᠯᠡᠭᠳᠡᠵᠦ᠂ ᠦᠢ᠍ᠯᠡᠴᠢᠯᠡᠭᠡᠨ᠎ᠤ ᠠᠭᠤᠯᠭ᠎ᠠ ᠲᠠᠰᠤᠷᠠᠯᠲᠠ ᠦᠭᠡᠶ ᠪᠠᠶᠠᠯᠢᠭᠵᠢᠵᠤ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠠᠷᠠᠯᠵᠢᠶᠠᠨ᠎ᠤ ᠬᠡᠪᠴᠢᠶ᠎ᠡ ᠲᠡᠰᠦᠷᠡᠯᠳᠠ ᠤᠢ᠍ᠭᠡᠢ ᠥᠷᠭᠡᠳᠴᠦ ᠪᠠᠶ᠋ᠢᠨ᠎ᠠ᠃ ᠭᠡᠪᠡᠴᠦ ᠶᠡᠷᠦᠩᠬᠡᠶ᠎ᠳᠤᠨᠢ ᠠᠪᠴᠤ ᠦᠵᠡᠪᠡᠯ᠂ ᠮᠠᠨ᠎ᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠬᠥᠭᠵᠢᠯᠲᠡ ᠮᠥᠨ ᠬᠦ᠌ ᠡᠬᠢᠯᠡᠯᠲᠡ ᠵᠢᠨ ᠱᠠᠲᠤᠨ᠎ᠳᠠᠭᠠᠨ ᠪᠠᠶ᠋ᠢᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠪᠣᠶ᠋ᠢᠵᠢᠯᠲᠠ ᠲᠡᠭᠦᠯᠳᠡᠷᠵᠢᠭᠡᠳᠦᠶ᠂ ᠪᠠᠷᠠᠭ᠎ᠠ ᠵᠢᠨ ᠭᠦᠢ᠍ᠯᠭᠡᠭᠡᠨ᠎ᠤ ᠲᠣᠬᠢᠷᠠᠭᠤᠯᠤᠨ ᠬᠦᠷᠭᠡᠬᠦ ᠵᠡᠷᠭᠡ ᠰᠠᠭᠤᠷᠢ ᠪᠡᠯᠡᠳᠬᠡᠮᠵᠢ ᠬᠣᠴᠣᠷᠤᠩᠭᠤᠶ᠂ ᠬᠥᠭᠵᠢᠯᠲᠡ ᠵᠢᠨ ᠣᠷᠴᠢᠨ ᠨᠦᠬᠦᠴᠡᠯ ᠪᠦᠷᠢᠨ ᠪᠤᠰᠤ ᠪᠠ ᠴᠢᠳᠠᠪᠤᠷᠢᠲᠠᠨ ᠳᠤᠲᠠᠭᠳᠠᠵᠤ ᠪᠠᠶ᠋ᠢᠬᠤ ᠵᠡᠷᠭᠡ ᠠᠰᠠᠭᠤᠳᠠᠯ ᠣᠷᠣᠰᠢᠵᠤ ᠪᠠᠢ᠌ᠨ᠎ᠠ᠃ ᠤᠢ᠍ᠢ᠍ᠷ᠎ᠠ ᠵᠢᠨ ᠬᠣᠶᠠᠷ ᠵᠢᠯ᠎ᠤᠨ ᠲᠥᠪ᠎ᠤᠨ 1 ᠳ᠋ᠤᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠡᠯᠧᠺᠲᠷᠣᠨ ᠬᠤᠳᠠᠯᠳᠤᠭ᠎ᠠ ᠵᠢ ᠬᠥᠳᠡᠭᠡ ᠲᠣᠰᠬᠣᠨ᠎ᠳᠤ ᠣᠷᠣᠭᠤᠯᠵᠤ ᠶᠡᠷᠦᠩᠬᠡᠶ᠋ᠢᠯᠡᠭᠰᠡᠨ ᠵᠢᠱ᠌ᠢᠶ᠎ᠡ ᠦᠵᠡᠭᠦᠯᠬᠦ ᠬᠡᠷᠡᠭᠲᠡᠢ ᠭᠡᠵᠦ ᠲᠤᠲᠤᠷᠬᠠᠢ ᠳᠤᠷᠠᠳᠪᠠ; ᠶᠡᠷᠦᠩᠬᠡᠶ ᠰᠠᠶ᠋ᠢᠳ ᠯᠢ ᠺᠧ ᠴᠢᠶᠠᠩ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠡᠭᠡᠨ 《ᠢᠨᠲᠸᠷ ᠰᠦᠯᠵᠢᠶ᠎ᠡ +》 ᠠᠵᠢᠯᠯᠠᠭ᠋ᠠᠨ᠎ᠤ ᠲᠥᠯᠥᠪᠯᠡᠭᠡ ᠵᠢ ᠳᠤᠷᠠᠳᠪᠠ᠃ ᠨᠢᠳᠤᠨᠤᠨ᠎ᠤ 10 ᠳ᠋ᠤᠭ᠋ᠠᠷ ᠰᠠᠷ᠎ᠠ ᠵᠢᠨ ᠰᠡᠭᠦᠯᠴᠢ᠎ᠳᠤ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ 《ᠬᠥᠳᠡᠭᠡ ᠲᠣᠰᠬᠣᠨ᠎ᠤ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠲᠥᠷᠭᠡᠨ ᠬᠦᠭᠵᠢᠯᠲᠡ ᠵᠢ ᠲᠦᠯᠬᠢᠨ ᠠᠬᠢᠭᠤᠯᠬᠤ ᠲᠤᠬᠠᠶ ᠵᠢᠯᠣᠭᠣᠳᠬᠤ ᠰᠠᠨᠠᠯ》 (ᠲᠥᠷᠥ ᠲᠠᠷᠬᠠᠭ᠋ᠠᠭᠰᠠᠨ [2015] 78 ᠳ᠋ᠤᠭ᠋ᠠᠷ ᠲᠣᠭ᠋ᠠᠲᠤ)᠎ᠢ ᠨᠡᠢ᠌ᠲᠡᠯᠡᠵᠦ᠂ ᠡᠯ᠎ᠡ ᠭᠠᠵᠠᠷ᠎ᠲᠤ ᠪᠤᠳᠠᠲᠠᠢᠲᠠᠢᠪᠠᠨ ᠤᠶᠠᠯᠳᠤᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠬᠥᠳᠡᠭᠡ ᠲᠣᠰᠬᠣᠨ᠎ᠤ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠬᠥᠭᠵᠢᠯᠲᠡ ᠵᠢ ᠠᠬᠢᠭᠤᠯᠬᠤ ᠬᠡᠷᠡᠭᠵᠢᠭᠦᠯᠬᠦ ᠲᠦᠰᠦᠯ ᠵᠶ᠋ᠡᠨ ᠲᠣᠭᠲᠠᠭ᠋ᠠᠬᠤ ᠬᠡᠷᠡᠭᠲᠡᠢ ᠭᠡᠵᠦ ᠱᠠᠭ᠋ᠠᠷᠳᠠᠪᠠ᠃ ᠲᠥᠪ᠎ᠤᠨ ᠪᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠬᠥᠳᠡᠭᠡ ᠲᠣᠰᠬᠣᠨ᠎ᠤ ᠤᠳᠤ ᠦᠶ᠎ᠡ ᠵᠢᠨ ᠵᠠᠬ᠎ᠠ ᠳᠡᠯᠭᠡᠭᠦᠷ᠎ᠤᠨ ᠰᠢᠰᠲ᠋ᠧᠮᠵᠢ ᠵᠢ ᠪᠦᠷᠢᠨᠰᠢᠭᠦᠯᠦᠨ᠂ ᠬᠥᠳᠡᠭᠡ ᠲᠣᠰᠬᠣᠨ᠎ᠤ ᠭᠦᠢ᠍ᠯᠭᠡᠭᠡᠨ᠎ᠤ ᠣᠳᠣᠬᠢᠴᠢᠯᠠᠯᠲᠠ ᠵᠢ ᠠᠬᠢᠭᠤᠯᠵᠤ᠂ ᠬᠥᠳᠡᠭᠡ ᠲᠣᠰᠬᠣᠨ᠎ᠤ ᠭᠦᠢ᠍ᠯᠭᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠬᠡᠷᠡᠭᠯᠡᠭᠡᠨ᠎ᠤ ᠳᠠᠯᠳᠠ ᠬᠦᠴᠦᠨ᠎ᠢ ᠬᠦᠭᠵᠢᠭᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠬᠥᠳᠡᠭᠡ ᠲᠣᠰᠬᠣᠨ᠎ᠤ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠲᠥᠷᠭᠡᠨ ᠬᠦᠭᠵᠢᠯᠲᠡ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠲᠣᠭᠲᠠᠭ᠋ᠠᠭᠰᠠᠨ ᠶᠤᠮ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠮᠠᠯᠵᠢᠬᠤ ᠲᠠᠷᠢᠶᠠᠯᠠᠬᠤ ᠣᠷᠣᠨ᠎ᠤ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠴᠢᠬᠤᠯᠠ ᠴᠣᠬᠣᠯᠠᠪᠤᠷᠢ ᠥᠭᠪᠡ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠣᠲᠣᠭ᠋ᠠᠳᠤ ᠠᠷᠠᠯᠵᠢᠶᠠᠨ᠎ᠤ ᠭᠦᠢ᠍ᠯᠭᠡᠭᠡᠨ᠎ᠤ ᠠᠵᠢᠯ᠎ᠢ ᠭᠣᠣᠯᠯᠠᠨ ᠬᠠᠮᠢᠶᠠᠷᠬᠤ ᠡᠭᠦᠷᠭᠡ ᠴᠢᠳᠠᠪᠤᠷᠢ ᠪᠦᠬᠦᠢ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠳᠠᠷᠤᠶ ᠲᠦᠷᠭᠡᠨ ᠬᠥᠳᠡᠯᠦᠯᠴᠡᠵᠦ᠂ ᠬᠢᠨᠠᠮᠠᠭ᠋ᠠᠶ ᠰᠤᠳᠤᠯᠤᠨ ᠵᠠᠳᠠᠯᠵᠤ᠂ ᠭᠦᠢ᠍ᠴᠡᠳ ᠪᠠᠶ᠋ᠢᠴᠠᠭ᠋ᠠᠨ ᠰᠤᠳᠤᠯᠬᠤ ᠠᠵᠢᠯ᠎ᠢ ᠭᠦᠢ᠍ᠴᠡᠳ ᠬᠢᠭᠰᠡᠨ ᠰᠠᠭᠤᠷᠢᠨ ᠳᠡᠭᠡᠷ᠎ᠡ᠂ ᠴᠢᠭᠯᠡᠭᠦᠯᠬᠦ ᠴᠢᠨᠠᠷᠲᠠᠢ᠂ ᠬᠡᠷᠡᠭᠵᠢᠭᠦᠯᠵᠦ ᠪᠣᠯᠬᠤᠶ᠋ᠢᠴᠠ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢᠨ ᠪᠢᠴᠢᠭ ᠮᠠᠲ᠋ᠧᠷᠢᠶᠠᠯ᠎ᠤᠨ ᠡᠬᠡ ᠨᠤᠤᠷᠠᠭ᠎ᠢ ᠳᠤᠷᠠᠳᠪᠠ᠃ ᠪᠢᠳᠡ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠠᠵᠤ ᠠᠬᠤᠶ ᠪᠠ ᠮᠡᠳᠡᠭᠡ ᠵᠠᠩᠬᠢᠵᠢᠯᠲᠡ ᠵᠢᠨ ᠵᠥᠪᠯᠡᠯ᠂ ᠶᠠᠳᠠᠭᠤ ᠵᠢ ᠲᠡᠳᠬᠦᠬᠦ ᠠᠯᠪᠠᠨ ᠭᠡᠷ ᠵᠡᠷᠭᠡ 20 ᠭᠠᠷᠤᠶ ᠰᠠᠯᠠᠭ᠎ᠠ ᠮᠥᠴᠢᠷ ᠪᠣᠯᠣᠨ ᠨᠢᠭᠡᠴᠡ᠎ᠠᠴᠠ ᠤᠯᠠᠮ ᠨᠢᠭᠡ ᠠᠯᠬᠤᠮ ᠰᠠᠨᠠᠯ ᠬᠤᠷᠢᠶᠠᠵᠤ᠂ ᠮᠠᠨ᠎ᠤ ᠣᠷᠣᠨ᠎ᠤ ᠬᠥᠭᠵᠢᠯᠲᠡ ᠵᠢᠨ ᠪᠤᠳᠠᠲᠠᠢ᠎ᠲᠠᠢ ᠤᠶᠠᠯᠳᠤᠭᠤᠯᠤᠨ᠂ 《ᠬᠡᠷᠡᠭᠵᠢᠭᠦᠯᠬᠦ ᠰᠠᠨᠠᠯ》᠎ᠢ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠳᠤ ᠮᠡᠳᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠠᠵᠢᠯ ᠲᠥᠷᠥᠯ᠎ᠤᠨ᠎ᠬᠢᠨ᠎ᠲᠠᠢ ᠬᠠᠮᠲᠤᠷᠠᠵᠤ ᠪᠠᠢ᠌ᠭ᠋ᠠᠳ ᠪᠦᠷᠢᠨ ᠭᠦᠢ᠍ᠴᠡᠳ ᠨᠤᠲᠠᠯᠠᠯᠲᠠ ᠬᠢᠵᠦ᠂ ᠡᠨᠡ ᠬᠦ᠌ 《ᠰᠠᠨᠠᠯ》᠎ᠢ ᠨᠡᠢ᠌ᠲᠡᠯᠡᠪᠡ᠃
ᠬᠥᠲᠥᠯᠥᠭᠴᠢ᠄
《ᠰᠠᠨᠠᠯ》᠎ᠤᠨ ᠠᠵᠢᠯ᠎ᠤᠨ ᠰᠡᠳᠬᠢᠮᠵᠢ ᠪᠣᠯᠣᠨ ᠭᠣᠣᠯ ᠬᠠᠷᠠᠯᠲᠠ᠎ᠨᠢ ᠶᠠᠭᠤ ᠪᠤᠢ?
ᠯᠢ ᠵᠢᠶᠦ᠋ᠨ᠄
ᠮᠠᠨ᠎ᠤ ᠠᠵᠢᠯ᠎ᠤᠨ ᠰᠡᠳᠬᠢᠮᠵᠢ ᠪᠣᠯ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠡᠶᠡᠯᠡᠭᠦᠯᠬᠦ ᠬᠠᠷᠠᠯᠲᠠ ᠪᠣᠯᠣᠨ ᠠᠵᠤ ᠦᠢ᠍ᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠰᠢᠨ᠎ᠡ ᠮᠠᠶᠢᠭ᠎ᠤᠨ ᠬᠣᠲᠠ ᠪᠠᠯᠭ᠋ᠠᠰᠤᠵᠢᠯᠲᠠ᠂ ᠲᠠᠷᠢᠶᠠᠯᠠᠩ᠎ᠤᠨ ᠣᠳᠣᠬᠢᠴᠢᠯᠠᠯᠲᠠ ᠵᠢ ᠵᠡᠷᠭᠡ᠎ᠪᠡᠷ ᠬᠦᠭᠵᠢᠭᠦᠯᠬᠦ ᠱᠠᠭ᠋ᠠᠷᠳᠠᠯᠭ᠎ᠠ ᠶᠣᠰᠣᠭ᠋ᠠᠷ᠂ ᠠᠵᠤ ᠠᠬᠤᠶ ᠵᠢᠨ ᠬᠥᠭᠵᠢᠯᠲᠡ ᠵᠢᠨ ᠰᠢᠨ᠎ᠡ ᠬᠡᠪ ᠪᠠᠶ᠋ᠢᠳᠠᠯ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ ᠡᠬᠢ ᠪᠠᠶᠠᠯᠢᠭ᠎ᠤᠨ ᠲᠤᠬᠢᠷᠠᠭᠤᠯᠤᠯᠳᠠ᠎ᠳᠠᠬᠢ ᠵᠠᠬ᠎ᠠ ᠳᠡᠯᠭᠡᠭᠦᠷ᠎ᠤᠨ ᠰᠢᠢ᠍ᠳᠪᠦᠷᠢᠯᠡᠭᠴᠢ ᠴᠢᠨᠠᠷᠲᠠᠶ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠦᠷᠦ ᠵᠢᠨ ᠪᠤᠳᠤᠯᠭ᠎ᠠ ᠵᠢᠨ ᠣᠷᠴᠢᠨ ᠨᠦᠬᠦᠴᠡᠯ᠎ᠢ ᠪᠦᠷᠢᠨᠰᠢᠭᠦᠯᠦᠨ᠂ ᠬᠥᠳᠡᠭᠡ ᠲᠣᠰᠬᠣᠨ᠎ᠤ ᠭᠦᠢ᠍ᠯᠭᠡᠭᠡᠨ᠎ᠤ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠥᠳᠡᠭᠡ ᠲᠣᠰᠬᠣᠨ᠎ᠤ ᠬᠤᠳᠠᠯᠳᠤᠭ᠋ᠠᠨ᠎ᠤ ᠵᠠᠭᠪᠤᠷᠰᠢᠯ᠎ᠢ ᠰᠢᠨᠡᠴᠢᠯᠡᠵᠦ᠂ ᠬᠥᠳᠡᠭᠡ ᠲᠣᠰᠬᠣᠨ᠎ᠤ ᠡᠯᠧᠺᠲᠷᠣᠨ ᠬᠤᠳᠠᠯᠳᠤᠭ᠋ᠠᠨ᠎ᠤ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠣᠢ᠌ᠵᠢᠭᠤᠯᠤᠨ ᠬᠦᠴᠦᠷᠬᠡᠭᠵᠢᠭᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ᠎ᠠᠴᠠ ᠭᠠᠳᠠᠨ᠎ᠠ ᠠᠭᠤᠰᠤᠯᠴᠠᠬᠤ᠂ ᠪᠦᠬᠦ ᠶᠠᠪᠤᠴᠠ ᠵᠢ ᠬᠠᠮᠤᠷᠬᠤ᠂ ᠶᠡᠷᠦᠩᠬᠡᠶ᠋ᠢᠯᠡᠨ ᠢᠵᠢ ᠪᠦᠷᠢᠳᠦᠭᠦᠯᠬᠦ᠂ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ᠂ ᠳᠥᠭᠥᠮ ᠳᠥᠲᠡ ᠪᠦᠭᠡᠳ ᠠᠰᠢᠭᠲᠠᠢ ᠤᠳᠤ ᠦᠶ᠎ᠡ ᠵᠢᠨ ᠬᠥᠳᠡᠭᠡ ᠲᠣᠰᠬᠣᠨ᠎ᠤ ᠲᠠᠸᠠᠷ᠎ᠤᠨ ᠭᠦᠢ᠍ᠯᠭᠡᠭᠡ ᠪᠠ ᠦᠢ᠍ᠯᠡᠴᠢᠯᠡᠭᠡᠨ᠎ᠤ ᠲᠣᠣᠷ ᠰᠦᠯᠵᠢᠶ᠎ᠡ ᠵᠢ ᠬᠦᠭᠵᠢᠭᠦᠯᠬᠦ ᠶᠠᠪᠤᠳᠠᠯ ᠪᠣᠯᠣᠨ᠎ᠠ᠃
ᠬᠠᠷᠠᠯᠲᠠ ᠪᠣᠯ᠄ 2020 ᠣᠨ᠎ᠤ ᠵᠢᠯ᠎ᠤᠨ ᠡᠴᠦᠰ ᠪᠣᠯᠬᠤ᠎ᠳᠤ᠂ ᠪᠦᠬᠦ ᠣᠷᠣᠨ᠎ᠳᠤ ᠨᠡᠶ᠋ᠢᠲᠡᠯᠢᠭ ᠳᠠᠶ᠋ᠢᠴᠢᠯᠠᠬᠤ ᠦᠢ᠍ᠯᠡᠳᠦᠯ ᠦᠵᠡᠭᠦᠯᠬᠦ ᠬᠥᠳᠡᠭᠡ ᠲᠣᠰᠬᠣᠨ᠎ᠤ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠵᠢᠱ᠌ᠢᠶ᠎ᠡ ᠦᠵᠡᠭᠦᠯᠬᠦ ᠨᠢᠭᠡ ᠪᠦᠯᠦᠭ ᠬᠣᠰᠢᠭᠤ ᠰᠢᠶᠠᠨ᠎ᠢ ᠪᠣᠢ᠌ᠵᠢᠭᠤᠯᠵᠤ᠂ ᠨᠢᠭᠡᠳᠦᠯᠲᠡᠶ ᠨᠡᠭᠡᠭᠡᠯᠲᠡ᠎ᠲᠠᠢ᠂ ᠥᠷᠢᠰᠥᠯᠳᠦᠭᠡᠨ᠎ᠨᠢ ᠡᠮᠬᠢ ᠵᠢᠷᠤᠮ᠎ᠲᠠᠢ᠂ ᠦᠨᠡᠨᠴᠢ ᠢᠲᠡᠭᠡᠮᠵᠢᠲᠡᠶ ᠬᠠᠤᠯᠢ ᠰᠠᠬᠢᠳᠠᠭ᠂ ᠠᠮᠤᠷ ᠲᠥᠪᠰᠢᠨ ᠪᠥᠭᠡᠳ ᠨᠠᠶ᠋ᠢᠳᠠᠪᠤᠷᠢᠲᠠᠶ᠂ ᠪᠣᠬᠢᠷᠲᠤᠯ ᠦᠭᠡᠢ ᠣᠷᠴᠢᠨ ᠲᠣᠭᠣᠷᠢᠨ᠎ᠢ ᠬᠠᠮᠠᠭ᠋ᠠᠯᠠᠳᠠᠭ ᠬᠥᠳᠡᠭᠡ ᠲᠣᠰᠬᠣᠨ᠎ᠤ ᠬᠤᠳᠠᠯᠳᠤᠭ᠋ᠠᠨ᠎ᠤ ᠵᠠᠬ᠎ᠠ ᠳᠡᠯᠭᠡᠭᠦᠷ᠎ᠤᠨ ᠰᠢᠰᠲ᠋ᠧᠮᠵᠢ ᠵᠢ ᠠᠩᠬ᠎ᠠ ᠠᠯᠬᠤᠮ ᠪᠠᠢ᠌ᠭᠤᠯᠵᠤ᠂ ᠬᠥᠳᠡᠭᠡ ᠲᠣᠰᠬᠣᠨ᠎ᠤ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠢ ᠬᠥᠳᠡᠭᠡ ᠲᠣᠰᠬᠣᠨ᠎ᠤ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠲᠠᠢ ᠠᠭᠤᠰᠤᠯᠴᠠᠭᠤᠯᠵᠤ᠂ ᠬᠥᠳᠡᠭᠡ ᠲᠣᠰᠬᠣᠨ᠎ᠤ ᠭᠦᠢ᠍ᠯᠭᠡᠭᠡᠨ᠎ᠤ ᠣᠳᠣᠬᠢᠴᠢᠯᠠᠯᠲᠠ ᠵᠢ ᠲᠦᠯᠬᠢᠨ ᠠᠬᠢᠭᠤᠯᠬᠤ ᠪᠠ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠷᠣᠯᠠᠭᠤᠯᠬᠤ᠂ ᠲᠠᠷᠢᠶᠠᠴᠢᠳ᠎ᠤᠨ ᠠᠳᠠᠯ ᠦᠢ᠍ᠯᠡᠰ ᠴᠣᠭᠴᠠᠯᠠᠵᠤ ᠠᠵᠢᠯ ᠣᠯᠬᠤ ᠵᠢ ᠠᠬᠢᠭᠤᠯᠬᠤ᠂ ᠬᠥᠳᠡᠭᠡ ᠲᠣᠰᠬᠣᠨ᠎ᠤ ᠬᠡᠷᠡᠭᠯᠡᠭᠡ ᠵᠢᠨ ᠵᠠᠬ᠎ᠠ ᠳᠡᠯᠭᠡᠭᠦᠷ᠎ᠢ ᠨᠡᠭᠡᠭᠡᠬᠦ᠂ ᠬᠥᠳᠡᠭᠡ ᠲᠣᠰᠬᠣᠨ᠎ᠤ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠵᠢ ᠲᠠᠢ᠌ᠴᠢᠯᠠᠬᠤ ᠵᠡᠷᠭᠡ ᠲᠠᠯ᠎ᠠ᠎ᠪᠠᠷ ᠢᠳᠡᠪᠬᠢᠲᠡᠶ ᠦᠷ᠎ᠡ ᠪᠦᠲᠦᠮᠵᠢ ᠣᠯᠵᠤ᠂ ᠬᠥᠳᠡᠭᠡ ᠲᠣᠰᠬᠣᠨ᠎ᠤ ᠭᠦᠢ᠍ᠯᠭᠡᠭᠡᠨ᠎ᠤ ᠣᠳᠣᠬᠢᠴᠢᠯᠠᠯᠲᠠ ᠵᠢᠨ ᠬᠢᠷᠢ ᠬᠡᠮᠵᠢᠶ᠎ᠡ ᠵᠢ ᠢᠯᠡᠳᠲᠡ ᠳᠡᠭᠡᠭᠰᠢᠯᠡᠭᠦᠯᠦᠨ᠂ ᠬᠥᠳᠡᠭᠡ ᠲᠣᠰᠬᠣᠨ᠎ᠤ ᠠᠵᠤ ᠠᠬᠤᠶ ᠨᠡᠶ᠋ᠢᠭᠡᠮ᠎ᠤᠨ ᠡᠷᠡᠭᠦᠯ ᠵᠶ᠋ᠠᠷ ᠬᠥᠭᠵᠢᠬᠦ ᠵᠢ ᠲᠦᠯᠬᠢᠨ ᠠᠬᠢᠭᠤᠯᠬᠤ ᠶᠠᠪᠤᠳᠠᠯ ᠪᠣᠯᠣᠨ᠎ᠠ᠃
ᠬᠥᠲᠥᠯᠥᠭᠴᠢ᠄
ᠯᠢ ᠲᠢᠩᠬᠢᠮ᠎ᠤᠨ ᠳᠠᠷᠤᠭ᠎ᠠ ᠡ᠂ 《ᠰᠠᠨᠠᠯ》᠎ᠳᠤ ᠶᠠᠮᠠᠷ ᠶᠠᠮᠠᠷ ᠭᠣᠣᠯ ᠡᠭᠦᠷᠭᠡ ᠪᠠᠢ᠌ᠬᠤ ᠪᠤᠢ?
ᠯᠢ ᠵᠢᠶᠦ᠋ᠨ᠄
《ᠰᠠᠨᠠᠯ》᠎ᠨᠢ ᠮᠠᠨ᠎ᠤ ᠣᠷᠣᠨ᠎ᠤ ᠬᠥᠳᠡᠭᠡ ᠲᠣᠰᠬᠣᠨ᠎ᠤ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠬᠥᠭᠵᠢᠯᠲᠡ ᠵᠢᠨ ᠣᠳᠣᠬᠢ ᠪᠠᠶ᠋ᠢᠳᠠᠯ᠂ ᠣᠷᠣᠰᠢᠵᠤ ᠪᠠᠶ᠋ᠢᠭ᠎ᠠ ᠠᠰᠠᠭᠤᠳᠠᠯ ᠵᠢᠴᠢ ᠬᠥᠭᠵᠢᠯᠲᠡ ᠵᠢᠨ ᠬᠠᠨᠳᠤᠰᠢ᠎ᠳᠤ ᠰᠠᠭᠤᠷᠢᠯᠠᠨ᠂ 《ᠡᠯᠧᠺᠲᠷᠣᠨ ᠬᠤᠳᠠᠯᠳᠤᠭ᠎ᠠ ᠵᠢ ᠶᠡᠬᠡᠪᠡᠷ ᠬᠥᠭᠵᠢᠭᠦᠯᠦᠨ ᠠᠵᠤ ᠠᠬᠤᠶ ᠵᠢᠨ ᠰᠢᠨ᠎ᠡ ᠬᠦᠳᠡᠯᠭᠡᠭᠴᠢ ᠬᠦᠴᠦᠨ᠎ᠢ ᠲᠥᠷᠭᠡᠨ ᠪᠣᠢ᠌ᠵᠢᠭᠤᠯᠬᠤ ᠲᠤᠬᠠᠶ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》 ᠵᠢᠴᠢ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ 《ᠢᠨᠲᠸᠷ ᠰᠦᠯᠵᠢᠶ᠎ᠡ + ᠭᠦᠢ᠍ᠯᠭᠡᠭᠡᠨ᠎ᠤ ᠠᠵᠢᠯᠯᠠᠭ᠎ᠠ ᠵᠢᠨ ᠲᠥᠯᠥᠪᠯᠡᠭᠡ》 ᠵᠢᠨ ᠠᠭᠤᠯᠭ᠎ᠠ ᠵᠢ ᠦᠨᠳᠦᠰᠦᠯᠡᠵᠦ᠂ ᠭᠤᠷᠪᠠᠨ ᠲᠠᠯ᠎ᠠ ᠵᠢᠨ ᠭᠣᠣᠯᠳᠠᠯᠭ᠎ᠠ᠎ᠲᠠᠢ ᠡᠭᠦᠷᠭᠡ ᠵᠢ ᠳᠤᠷᠠᠳᠪᠠ᠄
ᠨᠢᠭᠡ᠎ᠳᠤ ᠬᠥᠳᠡᠭᠡ ᠲᠣᠰᠬᠣᠨ᠎ᠤ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠰᠠᠭᠤᠷᠢ ᠪᠡᠯᠡᠳᠬᠡᠮᠵᠢ ᠵᠢᠨ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠭᠣᠣᠯᠳᠠᠭᠤ ᠬᠥᠳᠡᠭᠡ ᠲᠣᠰᠬᠣᠨ᠎ᠤ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠠᠢ᠌ᠭᠤᠯᠵᠤ᠂ ᠬᠥᠳᠡᠭᠡ ᠲᠣᠰᠬᠣᠨ᠎ᠤ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠲᠣᠣᠷ ᠰᠦᠯᠵᠢᠶ᠎ᠡ ᠵᠢᠨ ᠰᠠᠭᠤᠷᠢ ᠪᠡᠯᠡᠳᠬᠡᠮᠵᠢ ᠵᠢ ᠪᠦᠷᠢᠨᠰᠢᠭᠦᠯᠦᠨ᠂ ᠬᠥᠳᠡᠭᠡ ᠲᠣᠰᠬᠣᠨ᠎ᠤ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠪᠠᠷᠠᠭ᠋ᠠᠨ᠎ᠤ ᠭᠦᠢ᠍ᠯᠭᠡᠭᠡ ᠵᠢᠨ ᠲᠣᠬᠢᠷᠠᠭᠤᠯᠤᠨ ᠬᠦᠷᠭᠡᠬᠦ ᠴᠢᠳᠠᠪᠤᠷᠢ ᠵᠢ ᠳᠡᠭᠡᠭᠰᠢᠯᠡᠭᠦᠯᠬᠦ ᠲᠠᠯ᠎ᠠ᠎ᠪᠠᠷ ᠭᠠᠷᠳᠠᠵᠤ ᠬᠢᠨ᠎ᠡ᠃
ᠬᠣᠶᠠᠷ᠎ᠲᠤ ᠬᠥᠳᠡᠭᠡ ᠲᠣᠰᠬᠣᠨ᠎ᠤ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠭᠣᠣᠯ ᠴᠣᠭᠴᠠ ᠵᠢ ᠪᠣᠢ᠌ᠵᠢᠭᠤᠯᠤᠨ᠎ᠠ᠃ ᠭᠣᠣᠯᠳᠠᠭᠤ ᠬᠥᠳᠡᠭᠡ ᠲᠣᠰᠬᠣᠨ᠎ᠤ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠠᠵᠤ ᠠᠬᠤᠶ᠋ᠢᠯᠠᠯ᠎ᠤᠨ ᠭᠣᠣᠯ ᠴᠣᠭᠴᠠ ᠵᠢᠨ ᠦᠢ᠍ᠯᠡᠳᠦᠯ᠎ᠢ ᠪᠠᠳᠠᠷᠠᠭᠤᠯᠵᠤ᠂ ᠬᠥᠳᠡᠭᠡ ᠲᠣᠰᠬᠣᠨ᠎ᠤ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠤᠳ᠎ᠢ ᠪᠣᠢ᠌ᠵᠢᠭᠤᠯᠤᠨ᠂ ᠡᠯ᠎ᠡ ᠲᠦᠷᠤᠯ᠎ᠤᠨ ᠬᠥᠷᠤᠨᠭ᠌ᠭᠡ ᠵᠢ ᠵᠣᠷᠢᠭᠵᠢᠭᠤᠯᠤᠨ ᠬᠥᠳᠡᠭᠡ ᠲᠣᠰᠬᠣᠨ᠎ᠤ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠢ
ᠬᠦᠭᠵᠢᠭᠦᠯᠦᠨ᠎ᠡ᠃
ᠭᠤᠷᠪᠠ᠎ᠳᠤ ᠬᠥᠳᠡᠭᠡ ᠲᠣᠰᠬᠣᠨ᠎ᠤ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠬᠡᠷᠡᠭᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠭᠣᠣᠯᠳᠠᠭᠤ ᠬᠥᠳᠡᠭᠡ ᠲᠣᠰᠬᠣᠨ᠎ᠤ ᠡᠳᠦᠷ ᠲᠤᠳᠤᠮ᠎ᠤᠨ ᠬᠡᠷᠡᠭᠯᠡᠭᠡᠨ᠎ᠤ ᠰᠢᠨ᠎ᠡ ᠮᠠᠶᠢᠭ᠎ᠤᠨ ᠭᠦᠢ᠍ᠯᠭᠡᠭᠡᠨ᠎ᠤ ᠲᠣᠣᠷ ᠰᠦᠯᠵᠢᠶ᠎ᠡ ᠵᠢ ᠪᠠᠢ᠌ᠭᠤᠯᠵᠤ᠂ ᠲᠠᠷᠢᠶᠠᠯᠠᠩ᠎ᠤᠨ ᠪᠦᠲᠦᠭᠡᠭᠳᠡᠬᠦᠨ᠎ᠢ 《ᠬᠤᠳᠠᠯᠳᠤᠵᠤ ᠭᠠᠷᠭ᠋ᠠᠬᠤ》 ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠢ ᠲᠦᠯᠬᠢᠨ ᠠᠬᠢᠭᠤᠯᠵᠤ᠂ ᠬᠥᠳᠡᠭᠡ ᠠᠵᠤ ᠠᠬᠤᠶ ᠵᠢᠨ ᠦᠢ᠍ᠯᠡᠳᠪᠦᠷᠢᠯᠡᠯ᠎ᠤᠨ ᠬᠡᠷᠡᠭᠰᠡᠯ᠎ᠢ 《ᠬᠤᠳᠠᠯᠳᠤᠵᠤ ᠣᠷᠣᠭᠤᠯᠬᠤ》 ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠢ ᠬᠥᠭᠵᠢᠭᠦᠯᠵᠦ᠂ ᠬᠥᠳᠡᠭᠡ ᠲᠣᠰᠬᠣᠨ᠎ᠤ ᠦᠢ᠍ᠯᠡᠴᠢᠯᠡᠭᠡᠨ᠎ᠤ ᠦᠢ᠍ᠯᠡᠰ᠎ᠢ ᠶᠡᠬᠡᠪᠡᠷ ᠬᠥᠭᠵᠢᠭᠦᠯᠵᠦ᠂ ᠡᠯᠸᠺᠲᠷᠤᠨ ᠬᠤᠳᠠᠯᠳᠤᠭ᠋ᠠᠨ᠎ᠤ ᠶᠠᠪᠤᠳᠠᠯ ᠵᠶ᠋ᠠᠷ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠡᠷᠭᠡ ᠲᠠᠯ᠎ᠠ᠎ᠪᠠᠷ ᠠᠵᠢᠯ ᠵᠶ᠋ᠠᠨ ᠴᠢᠩᠭ᠋ᠠᠳᠬᠠᠨ᠎ᠠ᠃
ᠬᠥᠲᠥᠯᠥᠭᠴᠢ᠄
《ᠰᠠᠨᠠᠯ》᠎ᠤᠨ ᠨᠠᠢ᠌ᠳᠠᠪᠤᠷᠢᠵᠢᠭᠤᠯᠤᠯᠲᠠ ᠵᠢ ᠦᠨᠡᠨ ᠬᠦ᠌ ᠪᠠᠲᠤᠯᠠᠬᠤ᠎ᠳᠤ ᠮᠠᠨ᠎ᠤ ᠣᠷᠣᠨ ᠶᠠᠮᠠᠷ ᠶᠠᠮᠠᠷ ᠠᠷᠭ᠎ᠠ ᠬᠡᠮᠵᠢᠶ᠎ᠡ ᠲᠣᠭᠲᠠᠭ᠋ᠠᠭᠰᠠᠨ ᠪᠤᠢ?
ᠯᠢ ᠵᠢᠶᠦ᠋ᠨ᠄
ᠭᠣᠣᠯ ᠬᠠᠷᠠᠯᠲᠠ ᠵᠢᠨ ᠪᠡᠶᠡᠯᠡᠯ ᠪᠠ ᠭᠣᠣᠯᠳᠠᠯᠭ᠎ᠠ᠎ᠲᠠᠢ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠪᠠᠲᠤᠯᠠᠬᠤ ᠵᠢᠨ ᠲᠥᠯᠥᠭᠡ᠂ ᠪᠢᠳᠠ ᠲᠦᠷᠦ ᠵᠢᠨ ᠪᠤᠳᠤᠯᠭ᠎ᠠ ᠵᠢᠨ ᠳᠡᠮᠵᠢᠯᠭᠡ ᠵᠢ ᠴᠢᠩᠭ᠋ᠠᠳᠬᠠᠬᠤ᠂ ᠰᠢᠨ᠎ᠡ ᠵᠢ ᠡᠭᠦᠳᠬᠦ ᠠᠳᠠᠯ ᠦᠢ᠍ᠯᠡᠰ ᠴᠣᠭᠴᠠᠯᠠᠬᠤ ᠣᠷᠴᠢᠨ ᠲᠣᠭᠤᠷᠢᠨ᠎ᠢ ᠪᠣᠢ ᠪᠣᠯᠭ᠋ᠠᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠢ ᠪᠠᠭᠲᠠᠭ᠋ᠠᠭᠰᠠᠨ ᠭᠤᠷᠪᠠᠨ ᠲᠠᠯ᠎ᠠ ᠵᠢᠨ ᠠᠷᠭ᠎ᠠ ᠬᠡᠮᠵᠢᠶ᠎ᠡ ᠳᠤᠷᠠᠳᠤᠭᠰᠠᠨ ᠪᠠᠶ᠋ᠢᠨ᠎ᠠ᠃ ᠡᠭᠦᠨ᠎ᠳᠤ 10 ᠵᠦᠢ᠍ᠯ᠎ᠤᠨ ᠪᠤᠳᠠᠲᠠᠢ ᠠᠷᠭ᠎ᠠ ᠬᠡᠮᠵᠢᠶ᠎ᠡ ᠪᠤᠢ᠄
ᠲᠦᠷᠦ ᠵᠢᠨ ᠪᠤᠳᠤᠯᠭ᠎ᠠ ᠵᠢᠨ ᠳᠡᠮᠵᠢᠯᠭᠡ ᠵᠢ ᠴᠢᠩᠭ᠋ᠠᠳᠬᠠᠬᠤ ᠲᠠᠯ᠎ᠠ᠎ᠪᠠᠷ᠂ ᠨᠢᠭᠡ᠎ᠳᠤ ᠡᠳ᠋᠎ᠤᠨ ᠵᠠᠰᠠᠭ ᠭᠠᠶ᠋ᠢᠯᠢ ᠵᠢᠨ ᠳᠡᠮᠵᠢᠯᠭᠡ ᠦᠵᠡᠭᠦᠯᠦᠨ᠎ᠡ᠃ ᠡᠯ᠎ᠡ ᠱᠠᠲᠤᠨ᠎ᠤ ᠵᠠᠰᠠᠭ᠎ᠤᠨ ᠣᠷᠳᠣᠨ ᠬᠥᠳᠡᠭᠡ ᠲᠣᠰᠬᠣᠨ᠎ᠤ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠰᠠᠭᠤᠷᠢ ᠪᠡᠯᠡᠳᠬᠡᠮᠵᠢ ᠵᠢ ᠳᠡᠭᠡᠭᠰᠢᠯᠡᠭᠦᠯᠬᠦ᠂ ᠴᠢᠳᠠᠪᠤᠷᠢᠲᠠᠨ ᠢ ᠣᠷᠣᠭᠤᠯᠤᠨ ᠬᠦᠮᠦᠵᠢᠭᠦᠯᠬᠦ᠂ ᠦᠢ᠍ᠯᠡᠳᠬᠦᠨ᠎ᠤ ᠶᠠᠰᠤ ᠴᠢᠨᠠᠷ᠎ᠢ ᠠᠮᠤᠷ ᠲᠥᠪᠰᠢᠨ ᠪᠠᠶ᠋ᠢᠯᠭ᠋ᠠᠬᠤ ᠵᠡᠷᠭᠡ ᠲᠠᠯ᠎ᠠ᠎ᠪᠠᠷ ᠳᠡᠮᠵᠢᠯᠭᠡ ᠦᠵᠡᠭᠦᠯᠵᠦ᠂ ᠬᠥᠳᠡᠭᠡ ᠲᠣᠰᠬᠣᠨ᠎ᠤ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠢᠵᠢ ᠪᠦᠷᠢᠳᠦᠭᠰᠡᠨ ᠪᠡᠯᠡᠳᠬᠡᠮᠵᠢ ᠵᠢᠨ ᠪᠥᠳᠥᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃ ᠬᠣᠶᠠᠷ᠎ᠲᠤ ᠮᠥᠩᠭᠥᠨ ᠭᠦᠢ᠍ᠯᠭᠡᠭᠡᠨ᠎ᠤ ᠳᠡᠮᠵᠢᠯᠭᠡ ᠦᠵᠡᠭᠦᠯᠦᠨ᠎ᠡ᠃ ᠨᠥᠬᠥᠴᠡᠯ᠎ᠲᠠᠢ ᠠᠶ᠋ᠢᠮᠠᠭ ᠬᠤᠳᠠ᠂ ᠬᠣᠰᠢᠭᠤ ᠰᠢᠶᠠᠨ᠎ᠢ ᠵᠣᠷᠢᠭᠵᠢᠭᠤᠯᠵᠤ ᠪᠠᠢ᠌ᠭ᠋ᠠᠳ ᠬᠥᠳᠡᠭᠡ ᠲᠣᠰᠬᠣᠨ᠎ᠤ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠬᠥᠭᠵᠢᠯᠲᠡ ᠵᠢᠨ ᠰᠠᠭᠤᠷᠢ ᠮᠥᠩᠭᠥ ᠪᠠᠢ᠌ᠭᠤᠯᠤᠨ᠎ᠠ᠃ ᠭᠤᠷᠪᠠ᠎ᠳᠤ ᠭᠠᠵᠠᠷ ᠬᠡᠷᠡᠭᠯᠡᠬᠦ᠎ᠳᠤ ᠳᠡᠮᠵᠢᠯᠭᠡ ᠦᠵᠡᠭᠦᠯᠦᠨ᠎ᠡ᠃ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ᠎ᠢ ᠵᠣᠷᠢᠭᠵᠢᠭᠤᠯᠵᠤ ᠪᠠᠢ᠌ᠭ᠋ᠠᠳ ᠭᠠᠵᠠᠷ ᠰᠢᠷᠣᠶ ᠵᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠪᠣᠯᠣᠨ ᠬᠣᠳᠠ ᠬᠥᠳᠡᠭᠡ ᠵᠢᠨ ᠲᠥᠯᠥᠪᠵᠢᠭᠦᠯᠭᠡ᠎ᠳᠤ ᠨᠡᠶ᠋ᠢᠴᠡᠭᠰᠡᠨ ᠤᠷᠢᠲᠠᠯ ᠳᠣᠣᠷ᠎ᠠ᠂ ᠰᠤᠯᠠ ᠪᠠᠢ᠌ᠭ᠎ᠠ ᠪᠣᠯᠣᠨ ᠬᠠᠳᠠᠭ᠋ᠠᠯᠠᠵᠤ ᠪᠠᠢ᠌ᠭ᠎ᠠ ᠭᠡᠷ ᠬᠦᠷᠦᠩᠭᠡ ᠵᠢ ᠠᠰᠢᠭᠯᠠᠨ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠪᠠᠷᠠᠭ᠎ᠠ ᠵᠢᠨ ᠭᠦᠢ᠍ᠯᠭᠡᠭᠡ ᠵᠢᠨ ᠲᠣᠭᠤᠷᠢᠭ᠎ᠢ ᠲᠥᠪᠯᠡᠷᠡᠭᠦᠯᠵᠦ ᠲᠥᠯᠥᠪᠵᠢᠭᠦᠯᠦᠨ ᠪᠦᠲᠦᠭᠡᠨ ᠪᠠᠢ᠌ᠭᠤᠯᠤᠭ᠋ᠠᠳ᠂ ᠠᠵᠤ ᠠᠬᠤᠶ᠋ᠢᠯᠠᠯ᠎ᠢ ᠬᠠᠪᠰᠤᠷᠴᠤ ᠪᠠᠢ᠌ᠭ᠋ᠠᠳ ᠡᠯᠧᠺᠲᠷᠣᠨ ᠬᠤᠳᠠᠯᠳᠤᠭ᠎ᠠ ᠵᠢ ᠬᠦᠭᠵᠢᠭᠦᠯᠦᠨ᠎ᠡ᠃
ᠰᠢᠨ᠎ᠡ ᠵᠢ ᠡᠭᠦᠳᠴᠦ ᠠᠳᠠᠯ ᠦᠢ᠍ᠯᠡᠰ ᠴᠣᠭᠴᠠᠯᠠᠬᠤ ᠣᠷᠴᠢᠨ ᠨᠥᠬᠥᠴᠡᠯ᠎ᠢ ᠪᠤᠢ ᠪᠣᠯᠭ᠋ᠠᠬᠤ ᠲᠠᠯ᠎ᠠ᠎ᠪᠠᠷ᠂ ᠨᠢᠭᠡ᠎ᠳᠤ ᠠᠳᠠᠯ ᠦᠢ᠍ᠯᠡᠰ ᠴᠣᠭᠴᠠᠯᠠᠬᠤ ᠵᠢ ᠬᠥᠲᠥᠯᠥᠨ ᠵᠢᠯᠣᠭᠤᠳᠤᠨ᠎ᠠ᠃ ᠬᠣᠶᠠᠷ᠎ᠲᠤ ᠵᠢᠱ᠌ᠢᠶ᠎ᠡ ᠦᠵᠡᠭᠦᠯᠵᠦ ᠤᠬᠠᠭᠤᠯᠤᠨ ᠳᠡᠯᠭᠡᠷᠡᠭᠦᠯᠦᠨ᠎ᠡ᠃ ᠭᠤᠷᠪᠠ᠎ᠳᠤ ᠰᠢᠶᠠᠨ᠎ᠤ ᠬᠡᠪᠴᠢᠶᠡᠨ᠎ᠤ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠠᠵᠤ ᠦᠢ᠍ᠯᠡᠰ᠎ᠤᠨ ᠬᠦᠷᠢᠶᠡᠯᠡᠩ᠎ᠢ ᠪᠦᠲᠦᠭᠡᠨ ᠪᠠᠢ᠌ᠭᠤᠯᠤᠨ᠎ᠠ᠃ ᠲᠦᠷᠪᠡ᠎ᠳᠤ ᠠᠵᠢᠯᠳᠠᠨ ᠢ ᠪᠣᠯᠪᠠᠰᠤᠷᠠᠭᠤᠯᠬᠤ ᠪᠠ ᠴᠢᠳᠠᠪᠤᠷᠢᠲᠠᠨ᠎ᠢ ᠬᠥᠮᠦᠵᠢᠭᠦᠯᠬᠦ ᠵᠢ ᠴᠢᠩᠭ᠋ᠠᠳᠬᠠᠨ᠎ᠠ᠃
ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠲᠠᠯ᠎ᠠ᠎ᠪᠠᠷ᠂ ᠨᠢᠭᠡ᠎ᠳᠤ ᠶᠠᠰᠤ ᠴᠢᠨᠠᠷ᠎ᠢ ᠪᠠᠲᠤᠯᠠᠬᠤ ᠰᠢᠰᠲ᠋ᠧᠮᠵᠢ ᠵᠢ ᠪᠦᠷᠢᠨᠰᠢᠭᠦᠯᠦᠨ᠎ᠡ᠃ ᠬᠣᠶᠠᠷ᠎ᠲᠤ ᠦᠨᠡᠨᠴᠢ ᠢᠲᠡᠭᠡᠮᠵᠢ ᠵᠢᠨ ᠣᠷᠴᠢᠨ ᠲᠣᠭᠣᠷᠢᠨ᠎ᠤ ᠪᠥᠳᠥᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃ ᠭᠤᠷᠪᠠ᠎ᠳᠤ ᠠᠮᠤᠷ ᠲᠦᠪᠰᠢᠨ᠎ᠤ ᠬᠢᠨᠠᠯᠲᠠ ᠲᠠᠯᠪᠢᠬᠤ ᠲᠣᠭᠲᠠᠴᠠ ᠵᠢ ᠪᠠᠢ᠌ᠭᠤᠯᠤᠨ᠎ᠠ᠃
ᠬᠣᠶ᠋ᠢᠰᠢᠳᠠ᠂ ᠮᠠᠨ᠎ᠤ ᠣᠷᠣᠨ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢᠨ ᠶᠣᠰᠣᠭ᠋ᠠᠷ᠂ ᠡᠯ᠎ᠡ ᠬᠠᠮᠢᠶ᠎ᠠ ᠪᠦᠬᠦᠢ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠲᠠᠢ ᠵᠣᠬᠢᠴᠠᠯᠳᠤᠬᠤ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠯᠠᠵᠤ᠂ ᠬᠥᠳᠡᠭᠡ ᠲᠣᠰᠬᠣᠨ᠎ᠤ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠢ ᠲᠦᠯᠬᠢᠨ ᠠᠬᠢᠭᠤᠯᠬᠤ ᠶᠠᠪᠤᠴᠠ᠎ᠳᠤ ᠢᠯᠡᠷᠡᠭᠰᠡᠨ ᠰᠢᠨ᠎ᠡ ᠪᠠᠢ᠌ᠳᠠᠯ᠎ᠢ ᠭᠦᠨᠵᠡᠭᠡᠢ᠌ᠷᠡᠨ ᠪᠠᠢ᠌ᠴᠠᠭ᠋ᠠᠨ ᠰᠤᠳᠤᠯᠵᠤ᠂ ᠰᠢᠨ᠎ᠡ ᠨᠡᠢ᠌ᠲᠡᠯᠢᠭ ᠵᠢᠱ᠌ᠢᠶ᠎ᠡ ᠵᠢ ᠳ᠋ᠦᠩᠨᠡᠨ᠂ ᠰᠢᠨ᠎ᠡ ᠵᠠᠭᠪᠤᠷᠰᠢᠯ᠎ᠢ ᠳᠡᠯᠭᠡᠷᠡᠭᠦᠯᠵᠦ᠂ ᠰᠢᠨ᠎ᠡ ᠰᠡᠳᠬᠢᠮᠵᠢ ᠳᠤᠷᠠᠳᠤᠨ᠂ ᠬᠦᠳᠡᠭᠡ ᠲᠤᠰᠬᠤᠨ᠎ᠳᠠᠬᠢ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠬᠥᠭᠵᠢᠯᠲᠡ ᠵᠢ ᠲᠦᠷᠭᠡᠳᠬᠡᠵᠦ᠂ ᠬᠥᠳᠡᠭᠡ ᠲᠣᠰᠬᠣᠨ᠎ᠤ ᠭᠦᠢ᠍ᠯᠭᠡᠭᠡᠨ᠎ᠤ ᠣᠳᠣᠬᠢᠴᠢᠯᠠᠯᠲᠠ ᠵᠢ ᠲᠦᠯᠬᠢᠨ ᠠᠬᠢᠭᠤᠯᠵᠤ᠂ ᠠᠷᠠᠳ ᠣᠯᠠᠨ᠎ᠢ ᠳᠠᠢ᠌ᠴᠢᠯᠠᠨ ᠣᠷᠣᠯᠭ᠎ᠠ ᠵᠢ᠎ᠨᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ ᠲᠣᠰᠬᠣᠨ᠎ᠤ ᠠᠵᠤ ᠠᠬᠤᠶ ᠵᠢᠨ ᠬᠥᠭᠵᠢᠯᠲᠡ ᠵᠢ ᠠᠬᠢᠭᠤᠯᠬᠤ᠎ᠳᠤ ᠬᠤᠪᠢ ᠨᠡᠮᠡᠷᠢ᠎ᠪᠠᠨ ᠦᠵᠡᠭᠦᠯᠦᠨ᠎ᠡ᠃
ᠬᠥᠲᠥᠯᠥᠭᠴᠢ᠄
ᠯᠢ ᠳᠠᠷᠤᠭ᠎ᠠ ᠵᠢᠨ ᠲᠠᠢ᠌ᠯᠪᠤᠷᠢ ᠬᠢᠭᠰᠡᠨ᠎ᠳᠤ ᠲᠣᠩ ᠪᠠᠶᠠᠷᠯᠠᠯ᠎ᠠ᠂ ᠰᠦᠯᠵᠢᠶᠡᠨ᠎ᠤ ᠠᠨᠳᠠ ᠨᠠᠷ᠎ᠤᠨ ᠣᠷᠣᠯᠴᠠᠭᠰᠠᠨ᠎ᠳᠤ ᠴᠦ᠍ ᠲᠠᠯᠠᠷᠬᠠᠵᠤ ᠪᠠᠢ᠌ᠨ᠎ᠠ᠃ ᠲᠣᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠲᠡᠭᠦᠰᠦᠯ᠎ᠡ᠂ ᠳᠠᠷᠠᠭ᠋ᠠᠴᠢ ᠵᠢᠨ ᠫᠷᠤᠭ᠌ᠷᠠᠮ᠎ᠳᠤ ᠪᠠᠶᠠᠷᠲᠠᠢ ᠵᠤᠯᠭ᠋ᠠᠶ᠎ᠠ!

2016 ᠣᠨ᠎ᠤ ᠡᠯᠧᠺᠲᠷᠣᠨ ᠬᠤᠳᠠᠯᠳᠤᠭ᠎ᠠ ᠵᠢ ᠮᠠᠯᠵᠢᠬᠤ ᠲᠠᠷᠢᠶᠠᠯᠠᠬᠤ ᠣᠷᠣᠨ᠎ᠳᠤ ᠣᠷᠣᠭᠤᠯᠬᠤ ᠪᠦᠬᠦ ᠣᠷᠣᠨ᠎ᠤ ᠠᠵᠢᠯ᠎ᠤᠨ ᠠᠬᠤᠶ ᠲᠠᠯᠠᠪᠠᠶ ᠵᠢᠨ ᠬᠤᠷᠠᠯ