ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ ᠡᠶ᠎ᠡ ᠵᠣᠬᠢᠴᠠᠯ᠎ᠲᠠᠢ ᠬᠢᠯᠢ ᠬᠢᠵᠠᠭ᠋ᠠᠷ᠎ᠢ ᠴᠢᠷᠮᠠᠶ᠋ᠢᠨ ᠪᠠᠢ᠌ᠭᠤᠯᠤᠶ᠎ᠠ
ᠨᠡᠶ᠋ᠢᠲᠡᠯᠡᠭᠰᠡᠨ ᠴᠠᠭ᠄ 2016-12-22

      ᠰᠤᠷᠪᠤᠯᠵᠢᠯᠠᠭᠰᠠᠨ ᠴᠠᠭ᠄
     2016 ᠤᠨ᠎ᠤ 11 ᠳ᠋ᠤᠭᠡᠷ ᠰᠠᠷ᠎ᠠ ᠵᠢᠨ 22᠎ᠤᠨ ᠡᠳᠦᠷ᠎ᠤᠨ ᠦᠳᠡ ᠵᠢᠨ ᠡᠮᠦᠨᠡᠬᠢ 10 ᠴᠠᠭ
      ᠰᠤᠷᠪᠤᠯᠵᠢᠯᠠᠭᠰᠠᠨ ᠵᠤᠴᠢᠨ᠄
      ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠡᠷᠬᠢᠯᠡᠭᠴᠢ ᠮᠸᠨᠭ ᡁᠢ ᠵᠢᠶᠦ᠋ᠨ
      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
      ᠮᠠᠨ᠎ᠤ ᠤᠯᠤᠰ ᠪᠣᠯ ᠥᠷᠭᠡᠨ ᠠᠭᠤᠳᠠᠮ ᠨᠤᠲᠤᠭ ᠳᠡᠪᠢᠰᠬᠡᠷ᠎ᠲᠠᠢ ᠲᠤᠮᠤ ᠤᠯᠤᠰ ᠮᠦᠨ᠂ ᠡᠬᠡ ᠬᠠᠭᠤᠷᠠᠶ ᠵᠢᠨ ᠬᠢᠯᠢ ᠵᠢᠨ ᠱᠤᠭᠤᠮ᠎ᠤᠨ ᠤᠷᠳᠤ᠎ᠨᠢ 2.2 ᠲᠦᠮᠡᠨ ᠺᠢᠯᠣᠮᠧᠲᠷ ᠪᠠᠢ᠌ᠵᠤ᠂ 14 ᠤᠯᠤᠰ᠎ᠲᠠᠢ ᠬᠥᠷᠰᠢᠯᠡᠵᠦ᠂ ᠡᠯ᠎ᠡ ᠦᠨᠳᠦᠰᠦᠲᠡᠨ᠎ᠤ 2300 ᠲᠦᠮᠡ ᠭᠠᠷᠤᠢ ᠠᠷᠠᠳ ᠲᠦᠮᠡᠨ ᠡᠨᠳᠡ ᠠᠵᠤ ᠲᠦᠷᠦᠵᠤ᠂ ᠪᠠᠷᠤᠭ ᠬᠠᠭ᠋ᠠᠰ᠎ᠨᠢ ᠴᠥᠭᠡᠨ ᠲᠣᠭ᠋ᠠᠲᠤ ᠦᠨᠳᠦᠰᠦᠲᠡᠨ ᠪᠠᠢ᠌ᠵᠤ᠂ 30 ᠭᠠᠷᠤᠶ ᠦᠨᠳᠦᠰᠦᠲᠡᠨ ᠬᠢᠯᠢ ᠠᠯᠤᠰᠯᠠᠨ ᠰᠠᠭᠤᠷᠢᠰᠢᠵᠤ ᠪᠠᠶ᠋ᠢᠨ᠎ᠠ᠃ ᠬᠢᠯᠢ ᠬᠢᠵᠠᠭ᠋ᠠᠷ ᠣᠷᠣᠨ᠎ᠤ ᠬᠥᠭᠵᠢᠯᠲᠡ ᠵᠢ ᠲᠦᠷᠭᠡᠳᠭᠡᠬᠦ᠎ᠨᠢ ᠬᠢᠯᠢ ᠬᠢᠵᠠᠭ᠋ᠠᠷ᠎ᠢ ᠲᠣᠭᠲᠠᠭᠤᠨ ᠪᠠᠢ᠌ᠯᠭ᠋ᠠᠬᠤ᠂ ᠬᠢᠯᠢ ᠵᠢᠨ ᠪᠠᠲᠤᠯᠠᠨ ᠬᠠᠮᠠᠭ᠋ᠠᠯᠠᠯᠲᠠ ᠵᠢ ᠪᠡᠬᠢᠵᠢᠬᠦᠯᠬᠦ᠂ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ᠂ ᠡᠬᠡ ᠤᠯᠤᠰ᠎ᠤᠨ ᠰᠠᠢ᠍ᠢ᠍ᠨ ᠰᠠᠶ᠋ᠢᠬᠠᠨ ᠲᠦᠷᠢ ᠲᠥᠷᠬᠦ ᠵᠢ ᠲᠤᠲᠤᠷᠠᠭᠤᠯᠬᠤ᠎ᠳᠤ ᠴᠥᠮ ᠲᠤᠶ᠋ᠢᠯ᠎ᠤᠨ ᠴᠢᠬᠤᠯᠠ ᠪᠠᠶ᠋ᠢᠯᠳᠤᠬᠤ ᠪᠤᠳᠤᠯᠭ᠎ᠠ ᠵᠢᠨ ᠠᠴᠢ ᠬᠣᠯᠪᠣᠭᠳᠠᠯ᠎ᠲᠠᠢ ᠶᠤᠮ᠃ ᠬᠢᠯᠢ ᠬᠢᠵᠠᠭ᠋ᠠᠷ ᠣᠷᠣᠨ᠎ᠤ ᠬᠣᠴᠣᠷᠤᠩᠭᠤᠶ ᠳᠦᠷᠰᠦ ᠪᠠᠶ᠋ᠢᠳᠠᠯ᠎ᠢ ᠬᠦᠴᠦᠯᠡᠨ ᠦᠬᠡᠷᠡᠴᠢᠯᠡᠬᠦ ᠵᠢᠨ ᠲᠤᠯᠠᠳᠠ᠂ 1999 ᠣᠨ᠎ᠳᠤ᠂ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ ᠪᠠᠷᠠᠭᠤᠨ ᠪᠦᠰᠡ ᠵᠢᠨ ᠭᠠᠵᠠᠷ ᠣᠷᠣᠨ᠎ᠢ ᠶᠡᠬᠡᠪᠡᠷ ᠨᠡᠭᠡᠭᠡᠨ ᠬᠥᠭᠵᠢᠭᠦᠯᠬᠦ ᠤᠷᠢᠶᠠᠯᠠᠭ᠎ᠠ ᠵᠢ ᠴᠤᠤᠷᠢᠶᠠᠲᠤᠨ ᠲᠠᠭ᠋ᠠᠵᠤ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠂ ᠡᠳ᠋᠎ᠤᠨ ᠵᠠᠰᠠᠭ᠎ᠤᠨ ᠶᠠᠮᠤᠨ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠰᠡᠲᠦᠨ ᠦᠷᠨᠢᠬᠦᠯᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠢ ᠪᠠᠭᠲᠠᠭ᠋ᠠᠭᠰᠠᠨ ᠬᠢᠯᠢ ᠬᠢᠵᠠᠭ᠋ᠠᠷ᠎ᠤᠨ 9 ᠮᠤᠵᠢ ᠣᠷᠣᠨ᠎ᠤ 136 ᠬᠢᠯᠢ ᠬᠢᠵᠠᠭ᠋ᠠᠷ᠎ᠤᠨ ᠣᠷᠣᠨ᠎ᠤ ᠰᠢᠶᠠᠨ (ᠬᠣᠰᠢᠭᠤ) ᠵᠢᠴᠢ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠬᠢᠯᠢ ᠵᠢᠨ ᠣᠷᠣᠨ᠎ᠳᠠᠬᠢ 58 ᠬᠣᠷᠢᠶ᠎ᠠ ᠲᠠᠯᠠᠪᠠᠢ᠂ ᠬᠠᠶ᠋ᠢᠨᠠᠨ ᠮᠤᠵᠢ ᠵᠢᠨ 6 ᠁


                  ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ
   

      ᠬᠥᠲᠥᠯᠥᠭᠴᠢ᠄  
      ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠦᠷᠨᠢᠬᠦᠯᠦᠭᠰᠡᠨ ᠠᠬᠤᠶ ᠪᠠᠶ᠋ᠢᠳᠠᠯ ᠵᠢᠴᠢ ᠮᠠᠨ᠎ᠤ ᠣᠷᠣᠨ᠎ᠤ ᠬᠢᠯᠢ ᠬᠢᠵᠠᠭ᠋ᠠᠷ ᠣᠷᠣᠨ᠎ᠤ ᠦᠨᠳᠦᠰᠦᠨ ᠪᠠᠶ᠋ᠢᠳᠠᠯ᠎ᠢ ᠲᠠᠨᠢᠯᠴᠠᠭᠤᠯᠤᠭ᠋ᠠᠳ ᠦᠭᠭᠦᠨ᠎ᠡ ᠤᠤ?
      ᠮᠸᠨᠭ ᡁᠢ ᠵᠢᠶᠦ᠋ᠨ᠄
      ᠮᠠᠨ᠎ᠤ ᠤᠯᠤᠰ᠎ᠤᠨ ᠡᠬᠡ ᠬᠠᠭᠤᠷᠠᠶ ᠵᠢᠨ ᠬᠢᠯᠢ ᠵᠢᠨ ᠱᠤᠭᠤᠮ 2.2 ᠲᠦᠮᠡᠨ ᠺᠢᠯᠣᠮᠧᠲᠷ ᠤᠷᠲᠤ ᠪᠠᠢ᠌ᠳᠠᠭ᠂ ᠡᠭᠦᠨ᠎ᠳᠤ 1.9 ᠲᠦᠮᠡᠨ ᠺᠢᠯᠣᠮᠧᠲᠷ᠎ᠨᠢ ᠦᠨᠳᠦᠰᠦᠲᠡᠨ᠎ᠤ ᠭᠠᠵᠠᠷ ᠣᠷᠣᠨ᠎ᠳᠤ ᠪᠠᠢ᠌ᠵᠤ᠂ ᠡᠬᠡ ᠬᠠᠭᠤᠷᠠᠶ ᠵᠢᠨ ᠬᠢᠯᠢ᠎ᠨᠢ 15 ᠤᠯᠤᠰ᠎ᠲᠠᠢ ᠬᠢᠯᠢ ᠨᠡᠶ᠋ᠢᠯᠡᠵᠦ ᠪᠠᠢ᠌ᠳᠠᠭ ᠪᠤᠯᠬᠤᠷ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠬᠢᠯᠢ ᠬᠢᠵᠠᠭ᠋ᠠᠷ ᠣᠷᠣᠨ᠎ᠤ ᠬᠥᠭᠵᠢᠯᠲᠡ ᠪᠤᠯᠤᠨ ᠲᠣᠭᠲᠠᠭᠤᠨ ᠪᠠᠢ᠌ᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ ᠪᠠᠢ᠌ᠭ᠎ᠠ ᠶᠤᠮ᠃ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠪᠣᠯ ᠨᠠᠮ᠎ᠤᠨ ᠲᠥᠪ ᠬᠤᠷᠢᠶ᠎ᠠ ᠵᠢᠨ ᠵᠣᠷᠢᠭ ᠰᠠᠨᠠᠭ᠎ᠠ ᠵᠢ ᠦᠨᠳᠦᠰᠦᠯᠡᠨ᠂ ᠪᠠᠷᠠᠭᠤᠨ ᠪᠦᠰᠡ ᠵᠢᠨ ᠭᠠᠵᠠᠷ ᠣᠷᠣᠨ᠎ᠢ ᠶᠡᠬᠡᠪᠡᠷ ᠨᠡᠭᠡᠭᠡᠨ ᠬᠥᠭᠵᠢᠭᠦᠯᠬᠦ ᠪᠠᠶ᠋ᠢᠯᠳᠤᠬᠤ ᠪᠤᠳᠤᠯᠭ᠎ᠠ ᠵᠢ ᠬᠠᠮᠵᠢᠬᠤ ᠵᠢᠨ ᠲᠤᠯᠠᠳᠠ᠂ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ 1999 ᠣᠨ᠎ᠳᠤ ᠰᠡᠲᠦᠨ ᠦᠷᠨᠢᠬᠦᠯᠦᠭᠰᠡᠨ ᠪᠦᠭᠡᠳ 2000 ᠣᠨ᠎ᠤ 2 ᠳ᠋ᠤᠭ᠋ᠠᠷ ᠰᠠᠷ᠎ᠠ᠎ᠳᠤ ᠵᠢᠩᠬᠢᠨᠢ᠎ᠪᠠᠷ ᠡᠬᠢᠯᠡᠭᠦᠯᠦᠭᠰᠡᠨ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠢ ᠨᠡᠭᠡᠭᠡᠨ ᠬᠥᠭᠵᠢᠭᠦᠯᠬᠦ᠎ᠪᠠᠷ ᠬᠠᠷᠠᠯᠲᠠ ᠪᠤᠯᠭ᠋ᠠᠭᠰᠠᠨ ᠪᠠᠷᠠᠭᠤᠨ ᠪᠦᠰᠡ ᠵᠢᠨ ᠭᠠᠵᠠᠷ ᠣᠷᠣᠨ᠎ᠢ ᠨᠡᠭᠡᠭᠡᠨ ᠬᠥᠭᠵᠢᠭᠦᠯᠬᠦ ᠢᠵᠢ ᠪᠦᠷᠢᠳᠦᠭᠦᠯᠬᠦ ᠢᠨᠵᠸᠨ᠋ᠸᠷᠢᠨᠭ ᠪᠤᠯᠤᠨ᠎ᠠ᠃ ᠲᠡᠭᠦᠨ᠎ᠤ ᠵᠣᠷᠢᠯᠭ᠎ᠠ᠎ᠨᠢ ᠪᠣᠯ ᠤᠯᠠᠨ ᠲᠠᠯ᠎ᠠ ᠵᠢᠨ ᠬᠦᠴᠦᠨ᠎ᠢ ᠳᠠᠢ᠍ᠢ᠍ᠴᠢᠯᠠᠨ᠂ ᠬᠢᠯᠢ ᠬᠢᠵᠠᠭ᠋ᠠᠷ ᠣᠷᠣᠨ᠎ᠳᠠᠬᠢ ᠣᠷᠣᠭᠤᠯᠤᠯᠲᠠ᠎ᠪᠠᠨ ᠨᠡᠮᠡᠭᠳᠡᠭᠦᠯᠵᠦ᠂ ᠬᠠᠪᠰᠤᠷᠤᠨ ᠲᠡᠳᠬᠦᠬᠦ ᠡᠷᠴᠢᠮ ᠵᠶ᠋ᠠᠨ ᠴᠢᠩᠭ᠋ᠠᠷᠠᠭᠤᠯᠵᠤ᠂ ᠬᠢᠯᠢ ᠬᠢᠵᠠᠭ᠋ᠠᠷ ᠣᠷᠣᠨ᠎ᠤ ᠬᠥᠭᠵᠢᠯᠲᠡ ᠵᠢ ᠲᠦᠷᠭᠡᠳᠭᠡᠵᠤ᠂ ᠬᠢᠯᠢ ᠬᠢᠵᠠᠭ᠋ᠠᠷ᠎ᠤᠨ ᠨᠢᠭᠡᠳᠦᠭᠡᠷ ᠹᠷᠣᠨᠲ᠎ᠤᠨ ᠤᠯᠠᠨ ᠲᠦᠮᠡᠨ᠎ᠢ ᠲᠦᠷᠭᠡᠭᠡᠨ ᠶᠠᠳᠠᠭᠤ᠎ᠠᠴᠠ ᠠᠩᠭᠢᠵᠢᠷᠠᠭᠤᠯᠤᠨ ᠪᠠᠶᠠᠵᠢᠭᠤᠯᠵᠤ᠂ ᠬᠠᠮᠤᠭ᠎ᠤᠨ ᠡᠴᠦᠰ᠎ᠲᠤ 《ᠠᠷᠠᠳ᠎ᠢ ᠪᠠᠶᠠᠵᠢᠭᠤᠯᠬᠤ᠂ ᠬᠢᠯᠢ ᠬᠢᠵᠠᠭ᠋ᠠᠷ ᠣᠷᠣᠨ ᠵᠶ᠋ᠠᠨ ᠬᠥᠭᠵᠢᠭᠦᠯᠬᠦ᠂ ᠤᠯᠤᠰ ᠣᠷᠣᠨ ᠵᠶ᠋ᠠᠨ ᠬᠦᠴᠦᠷᠬᠡᠭᠵᠢᠭᠦᠯᠬᠦ᠂ ᠬᠦᠷᠰᠢ ᠵᠡᠷᠭᠡᠯᠡᠳᠡᠭᠡ᠎ᠯᠦᠭᠡ ᠡᠪ ᠨᠠᠶ᠋ᠢᠷᠠᠮᠳᠠᠭᠤ ᠪᠠᠢ᠌ᠬᠤ》 ᠬᠠᠷᠠᠯᠲᠠ᠎ᠳᠤ ᠬᠦᠷᠦᠬᠦᠯᠬᠦ ᠶᠠᠪᠤᠳᠠᠯ ᠪᠤᠯᠤᠨ᠎ᠠ᠃ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ ᠠᠵᠢᠯ᠎ᠤᠨ ᠬᠦᠷᠢᠶ᠎ᠡ ᠬᠡᠪᠴᠢᠶ᠎ᠡ᠎ᠨᠢ ᠮᠠᠨ᠎ᠤ ᠣᠷᠣᠨ᠎ᠢ ᠪᠠᠭᠲᠠᠭ᠋ᠠᠭᠰᠠᠨ ᠪᠦᠬᠦ ᠤᠯᠤᠰ᠎ᠤᠨ 9 ᠮᠤᠵᠢ᠂ ᠥᠪᠡᠷᠲᠡᠭᠡᠨ ᠵᠠᠰᠠᠬᠤ ᠣᠷᠣᠨ᠎ᠤ 136 ᠬᠢᠯᠢ ᠵᠢᠨ ᠣᠷᠣᠨ᠎ᠤ ᠰᠢᠶᠠᠨ ᠵᠢᠴᠢ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠨᠭ᠌ᠲ᠋ᠤᠸᠠᠨ᠎ᠤ ᠬᠢᠯᠢ ᠵᠢᠨ ᠣᠷᠣᠨ᠎ᠳᠠᠬᠢ 58 ᠬᠣᠷᠢᠶ᠎ᠠ ᠲᠠᠯᠠᠪᠠᠢ ᠬᠤᠯᠪᠤᠭᠳᠠᠨ᠎ᠠ᠃ ᠡᠨᠡ 136 ᠬᠢᠯᠢ ᠵᠢᠨ ᠬᠣᠰᠢᠭᠤ ᠰᠢᠶᠠᠨ (ᠮᠠᠨ᠎ᠤ ᠣᠷᠣᠨ᠎ᠳᠤ 19 ᠪᠤᠢ)᠎ᠤ ᠳᠤᠲᠤᠷ᠎ᠠ᠂ 107᠎ᠨᠢ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠨᠤᠲᠤᠭ ᠪᠤᠯᠤᠨ᠎ᠠ᠃ ᠲᠡᠦᠬᠡ ᠪᠤᠯᠤᠨ ᠪᠠᠶ᠋ᠢᠭ᠋ᠠᠯᠢ ᠵᠢᠨ ᠭᠠᠵᠠᠷ ᠵᠦᠢ ᠵᠡᠷᠭᠡ ᠰᠢᠯᠲᠠᠭ᠋ᠠᠨ᠎ᠠᠴᠠ ᠪᠣᠯᠵᠤ᠂ ᠤᠷᠳᠤ ᠬᠤᠭᠤᠴᠠᠭ᠋ᠠᠨ᠎ᠤ ᠲᠤᠷᠰᠢ᠂ ᠡᠨᠡ ᠬᠦ᠌ ᠣᠷᠣᠨ ᠪᠦᠰᠡ ᠵᠢᠨ ᠶᠡᠷᠦᠩᠬᠡᠶ ᠬᠥᠭᠵᠢᠯᠲᠡ ᠬᠤᠴᠤᠷᠤᠨᠭ᠌ᠭᠤᠢ ᠪᠠᠢ᠌ᠵᠤ᠂ ᠡᠬᠡ ᠬᠠᠭᠤᠷᠠᠶ ᠵᠢᠨ ᠭᠠᠵᠠᠷ ᠣᠷᠣᠨ᠎ᠯᠤᠭ᠎ᠠ ᠨᠡᠯᠢᠶᠡᠳ ᠶᠡᠬᠡ ᠵᠥᠷᠢᠶ᠎ᠡ᠎ᠲᠠᠢ ᠪᠠᠢ᠌ᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠦᠲᠦᠭᠡᠬᠦ ᠭᠣᠣᠯᠳᠠᠯᠭ᠎ᠠ ᠪᠤᠯᠤᠨ ᠬᠦᠴᠢᠷᠲᠠᠢ ᠤᠷᠤᠨ ᠪᠦᠰᠡ ᠪᠤᠯᠤᠭᠰᠠᠭ᠋ᠠᠷ ᠢᠷᠡᠪᠡ᠃  
      ᠮᠠᠨ᠎ᠤ ᠣᠷᠣᠨ 《12 ·5》 ᠵᠢᠨ ᠬᠤᠭᠤᠴᠠᠭ᠋ᠠᠨ᠎ᠳᠤ ᠨᠡᠶ᠋ᠢᠲᠡ 19 ᠬᠢᠯᠢ ᠵᠢᠨ ᠬᠣᠰᠢᠭᠤ ᠬᠣᠲᠠ (ᠲᠤᠰ ᠲᠤᠰ ᠬᠥᠯᠥᠨ ᠪᠤᠢ᠍ᠢ᠍ᠷ ᠬᠤᠳᠠ ᠵᠢᠨ ᠮᠠᠨᠵᠤᠤᠷ ᠬᠤᠳᠠ᠂ ᠬᠠᠭᠤᠴᠢᠨ ᠪᠠᠷᠭᠤ ᠬᠣᠰᠢᠭᠤ᠂ ᠰᠢᠨ᠎ᠡ ᠪᠠᠷᠭᠤ ᠪᠠᠷᠠᠭᠤᠨ ᠬᠣᠰᠢᠭᠤ᠂ ᠰᠢᠨ᠎ᠡ ᠪᠠᠷᠭᠤ ᠵᠡᠭᠦᠨ ᠬᠣᠰᠢᠭᠤ᠂ ᠡᠷᠭᠦᠨ᠎ᠡ ᠬᠣᠲᠠ; ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ᠂ ᠷᠠᠰᠢᠶᠠᠨ ᠬᠤᠳᠠ; ᠰᠢᠯᠢ ᠵᠢᠨ ᠭᠣᠣᠯ ᠠᠶ᠋ᠢᠮᠠᠭ᠎ᠤᠨ ᠡᠷᠢᠶᠡᠨ ᠬᠣᠲᠠ᠂ ᠰᠥᠨᠢᠳ ᠵᠡᠭᠦᠨ ᠬᠣᠰᠢᠭᠤ᠂ ᠰᠥᠨᠢᠳ ᠪᠠᠷᠠᠭᠤᠨ ᠬᠣᠰᠢᠭᠤ᠂ ᠠᠪᠠᠭ᠎ᠠ ᠬᠣᠰᠢᠭᠤ᠂ ᠵᠡᠭᠦᠨ ᠦᠵᠦᠮᠦᠴᠢᠨ ᠬᠣᠰᠢᠭᠤ; ᠤᠯᠠᠭ᠋ᠠᠨᠴᠠᠪ ᠬᠣᠲᠠ ᠵᠢᠨ ᠳᠥᠷᠪᠡᠳ ᠬᠣᠰᠢᠭᠤ; ᠪᠤᠭᠤᠲᠤ ᠬᠣᠲᠠ ᠵᠢᠨ ᠳᠠᠷᠬᠠᠨ ᠮᠤᠤᠮᠢᠨᠭ᠌ᠭ᠋ᠠᠨ ᠬᠣᠯᠪᠣᠭ᠋ᠠᠲᠤ ᠬᠣᠰᠢᠭᠤ; ᠪᠠᠶᠠᠨᠨᠠᠭᠤᠷ ᠬᠣᠲᠠ ᠵᠢᠨ ᠤᠷᠠᠳ᠎ᠤᠨ ᠳᠤᠮᠳᠠᠳᠤ ᠬᠣᠰᠢᠭᠤ᠂ ᠤᠷᠠᠳ᠎ᠤᠨ ᠬᠣᠶ᠋ᠢᠲᠤ ᠬᠤᠰᠢᠭᠤ; ᠠᠯᠠᠱ᠌ᠠ ᠠᠶ᠋ᠢᠮᠠᠭ᠎ᠤᠨ ᠠᠯᠠᠱ᠌ᠠ ᠵᠡᠭᠦᠨ ᠬᠣᠰᠢᠭᠤ᠂ ᠠᠯᠠᠱ᠌ᠠ ᠪᠠᠷᠠᠭᠤᠨ ᠬᠣᠰᠢᠭᠤ᠂ ᠡᠵᠡᠨ᠎ᠡ ᠬᠣᠰᠢᠭᠤ) ᠵᠢ ᠬᠢᠯᠢ ᠬᠢᠵᠠᠭ᠋ᠠᠷ ᠤᠷᠤᠨ᠎ᠢ ᠬᠦᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ 《12.5》 ᠵᠢᠨ ᠲᠥᠯᠥᠪᠵᠢᠭᠦᠯᠭᠡ ᠵᠢᠨ ᠬᠡᠪᠴᠢᠶ᠎ᠡ᠎ᠳᠤ ᠤᠷᠤᠭᠤᠯᠪᠠ᠃ ᠮᠠᠨ᠎ᠤ ᠣᠷᠣᠨ ᠮᠣᠩᠭᠣᠯ ᠤᠯᠤᠰ ᠪᠤᠯᠤᠨ ᠣᠷᠣᠰ᠎ᠲᠠᠢ ᠬᠢᠯᠢ ᠨᠡᠶ᠋ᠢᠯᠡᠵᠦ᠂ ᠬᠢᠯᠢ ᠵᠢᠨ ᠱᠤᠭᠤᠮ᠎ᠤᠨ ᠤᠷᠳᠤ᠎ᠨᠢ 4263 ᠺᠢᠯᠣᠮᠧᠲᠷ᠂ ᠬᠢᠯᠢ ᠵᠢᠨ ᠬᠣᠰᠢᠭᠤ ᠬᠣᠲᠠ ᠵᠢᠨ ᠪᠦᠬᠦ ᠲᠠᠯᠠᠪᠠᠶ᠎ᠨᠢ 61.9 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠢ᠌ᠵᠤ᠂ ᠪᠥᠬᠥ ᠣᠷᠣᠨ᠎ᠤ ᠭᠠᠵᠠᠷ ᠰᠢᠷᠣᠶ ᠵᠢᠨ ᠲᠠᠯᠠᠪᠠᠶ ᠵᠢᠨ 52.3% ᠵᠢ ᠡᠵᠡᠯᠡᠨ᠎ᠡ; ᠪᠦᠬᠦ ᠬᠥᠮᠦᠨ ᠠᠮᠠ᠎ᠨᠢ 176.01 ᠲᠦᠮᠡ ᠪᠠᠢ᠌ᠵᠤ᠂ ᠪᠦ᠍ᠬᠦ ᠣᠷᠣᠨ᠎ᠤ ᠶᠡᠷᠦᠩᠬᠡᠶ ᠬᠥᠮᠦᠨ ᠠᠮᠠ ᠵᠢᠨ 7.14% ᠵᠢ ᠡᠵᠡᠯᠡᠨ᠎ᠡ᠂ ᠡᠭᠦᠨ᠎ᠳᠤ ᠴᠥᠭᠡᠨ ᠲᠣᠭ᠋ᠠᠲᠤ ᠦᠨᠳᠦᠰᠦᠲᠡᠨ᠎ᠤ ᠬᠥᠮᠦᠨ ᠠᠮᠠ60.13 ᠲᠦᠮᠡ ᠪᠠᠢ᠌ᠵᠤ᠂ ᠥᠪᠥᠷ ᠮᠣᠩᠭᠣᠯ᠎ᠤᠨ ᠴᠥᠭᠡᠨ ᠲᠣᠭ᠋ᠠᠲᠤ ᠦᠨᠳᠦᠰᠦᠲᠡᠨ᠎ᠤ ᠭᠣᠣᠯ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ᠎ᠤ ᠨᠢᠭᠡ ᠪᠤᠯᠤᠨ᠎ᠠ᠃ ᠤᠯᠤᠰ ᠪᠠᠶ᠋ᠢᠭᠤᠯᠤᠭᠳᠠᠭᠰᠠᠨ᠎ᠠᠴᠠ ᠨᠠᠰᠢ᠂ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ᠎ᠠᠴᠠ ᠨᠠᠰᠢ᠂ ᠮᠠᠨ᠎ᠤ ᠣᠷᠣᠨ᠎ᠤ ᠬᠢᠯᠢ ᠬᠢᠵᠠᠭ᠋ᠠᠷ ᠣᠷᠣᠨ ᠦᠳᠲᠡᠷ ᠲᠦᠷᠭᠡᠨ ᠬᠥᠭᠵᠢᠪᠡ᠂ ᠭᠡᠪᠡᠴᠦ ᠲᠡᠦᠬᠡ᠂ ᠭᠠᠵᠠᠷ ᠵᠦᠶ᠂ ᠪᠠᠶ᠋ᠢᠭ᠋ᠠᠯᠢ ᠵᠢᠴᠢ ᠤᠯᠤᠰ᠎ᠤᠨ ᠳᠦᠷᠦ ᠵᠢᠨ ᠪᠤᠳᠤᠯᠭ᠎ᠠ ᠵᠡᠷᠭᠡ ᠬᠦᠴᠦᠨ ᠵᠦᠢ᠍ᠯ᠎ᠤᠨ ᠨᠥᠯᠥᠭᠡ᠎ᠪᠠᠷ᠂ ᠬᠢᠯᠢ ᠬᠢᠵᠠᠭ᠋ᠠᠷ ᠣᠷᠣᠨ᠎ᠢ ᠪᠤᠰᠤᠳ ᠭᠠᠵᠠᠷ ᠣᠷᠣᠨ᠎ᠲᠠᠢ ᠬᠠᠷᠢᠴᠠᠭᠤᠯᠪᠠᠯ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠮᠠᠰᠢ ᠶᠡᠬᠡ ᠵᠥᠷᠢᠶ᠎ᠡ᠎ᠲᠠᠢ ᠪᠠᠢ᠌ᠪᠠ᠂ ᠪᠤᠳᠠᠲᠠᠢ ᠢᠯᠡᠷᠡᠯ᠎ᠨᠢ ᠭᠡᠪᠡᠯ᠂ ᠠᠵᠤ ᠠᠬᠤᠶ ᠵᠢᠨ ᠰᠠᠭᠤᠷᠢ ᠨᠢᠮᠭᠡᠨ᠂ ᠥᠪᠡᠷ᠎ᠢ᠎ᠪᠠᠨ ᠬᠥᠭᠵᠢᠭᠦᠯᠬᠦ ᠴᠢᠳᠠᠪᠤᠷᠢ ᠬᠢᠵᠠᠭ᠋ᠠᠷ᠎ᠲᠠᠢ; ᠰᠠᠭᠤᠷᠢ ᠪᠡᠯᠡᠳᠭᠡᠮᠵᠢ ᠵᠢᠨ ᠪᠦᠳᠦᠭᠡᠨ ᠪᠠᠶ᠋ᠢᠭᠤᠯᠤᠯᠲᠠ ᠬᠤᠴᠤᠷᠤᠨᠭ᠌ᠭᠤᠢ᠂ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠴᠡᠯ ᠠᠨᠠᠶ; ᠶᠠᠳᠠᠭᠤ ᠬᠦᠴᠢᠷᠳᠡᠯᠲᠡᠶ ᠪᠠᠶ᠋ᠢᠭ᠎ᠠ ᠠᠰᠠᠭᠤᠳᠠᠯ ᠲᠤᠪᠤᠢ᠍ᠢ᠍ᠮ᠎ᠠ᠂ ᠶᠠᠳᠠᠭᠤ᠎ᠠᠴᠠ ᠠᠩᠭᠢᠵᠢᠷᠠᠭᠤᠯᠬᠤ ᠬᠦᠴᠢᠷᠳᠡᠯ ᠶᠡᠬᠡ; ᠰᠤᠷᠭ᠋ᠠᠨ ᠬᠥᠮᠦᠵᠢᠯ ᠡᠷᠡᠭᠦᠯ ᠬᠠᠮᠠᠭ᠋ᠠᠯᠠᠯ ᠵᠡᠷᠭᠡ ᠨᠡᠶ᠋ᠢᠭᠡᠮ᠎ᠤᠨ ᠠᠵᠢᠯ ᠦᠢ᠍ᠯᠡᠰ᠎ᠤᠨ ᠬᠥᠭᠵᠢᠯᠲᠡ ᠤᠳᠠᠭ᠋ᠠᠨ᠂ ᠲᠦᠷᠭᠡᠨ ᠰᠢᠢ᠍ᠳᠪᠦᠷᠢᠯᠡᠬᠦ ᠴᠢᠬᠤᠯᠠᠲᠠᠶ ᠠᠰᠠᠭᠤᠳᠠᠯ ᠮᠦᠨ ᠬᠦ᠌ ᠮᠠᠰᠢ ᠤᠯᠡᠨ ᠤᠷᠤᠰᠢᠵᠤ ᠪᠠᠢ᠌ᠪᠠ᠃ ᠡᠶ᠋ᠢᠮᠦ᠎ᠠᠴᠠ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠶᠡᠬᠡᠪᠡᠷ ᠦᠷᠨᠢᠬᠦᠯᠬᠦ᠎ᠨᠢ ᠬᠢᠯᠢ ᠬᠢᠵᠠᠭ᠋ᠠᠷ ᠣᠷᠣᠨ᠎ᠳᠤ ᠠᠪᠴᠤ ᠬᠡᠯᠡᠪᠡᠯ ᠣᠯᠳᠠᠬᠤᠶ᠎ᠠ ᠪᠡᠷᠬᠡ ᠠᠵᠠ ᠲᠣᠬᠢᠶᠠᠯ ᠪᠣᠯᠬᠤ ᠶᠤᠮ᠃
      ᠬᠥᠲᠥᠯᠥᠭᠴᠢ᠄
      ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠳᠤ ᠶᠠᠮᠠᠷ ᠠᠷᠭ᠎ᠠ ᠬᠡᠮᠵᠢᠶ᠎ᠡ ᠠᠪᠴᠤ ᠲᠡᠳᠬᠦᠨ ᠳᠡᠮᠵᠢᠵᠦ ᠪᠠᠢ᠌ᠬᠤ ᠪᠤᠢ?
      ᠮᠸᠩ ᡁᠢ ᠵᠢᠶᠦ᠋ᠨ᠄
      ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠳᠤ᠂ ᠬᠢᠯᠢ ᠬᠢᠵᠠᠭ᠋ᠠᠷ ᠣᠷᠣᠨ᠎ᠤ ᠪᠣᠳᠠᠲᠠᠶ ᠪᠠᠢ᠌ᠳᠠᠯ᠎ᠢ ᠦᠨᠳᠦᠰᠦᠯᠡᠨ᠂ ᠤᠯᠤᠰ᠎ᠠᠴᠠ 《ᠤᠯᠤᠰ᠎ᠠᠴᠠ ᠳᠡᠮᠵᠢᠵᠦ᠂ ᠮᠤᠵᠢ᠎ᠠᠴᠠ ᠶᠡᠷᠦᠩᠬᠡᠢ᠌ᠯᠡᠨ ᠬᠠᠷᠢᠭᠤᠴᠠᠵᠤ᠂ ᠲᠤᠰᠬᠠᠢ ᠭᠠᠵᠠᠷ ᠣᠷᠣᠨ ᠬᠠᠮᠵᠢᠯᠴᠠᠨ᠂ ᠬᠣᠲᠠ ᠰᠢᠶᠠᠨ ᠨᠠᠶ᠋ᠢᠳᠠᠪᠤᠷᠢᠵᠢᠭᠤᠯᠬᠤ》 ᠠᠵᠢᠯᠯᠠᠭ᠎ᠠ ᠵᠢᠨ ᠴᠢᠭᠯᠡᠯᠲᠡ ᠵᠢ ᠲᠣᠭᠲᠠᠭ᠋ᠠᠪᠠ᠃ ᠨᠢᠭᠡ ᠲᠠᠯ᠎ᠠ᠎ᠪᠠᠷ᠂ ᠲᠥᠪ ᠎ᠠᠴᠠ ᠨᠢᠭᠡᠳᠦᠯᠲᠡᠶ ᠲᠥᠯᠥᠪᠯᠡᠬᠦ ᠵᠢ ᠴᠢᠩᠭ᠋ᠠᠳᠬᠠᠵᠤ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ ᠲᠠᠪᠤᠨ ᠵᠢᠯ᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ ᠨᠡᠶ᠋ᠢᠲᠡᠯᠡᠨ᠂ ᠬᠢᠯᠢ ᠬᠢᠵᠠᠭ᠋ᠠᠷ ᠣᠷᠣᠨ᠎ᠤ ᠬᠥᠭᠵᠢᠯᠲᠡ ᠵᠢ ᠳᠡᠮᠵᠢᠬᠦ ᠴᠢᠬᠤᠯᠠ ᠢᠨᠵᠧᠨᠧᠷᠢᠩ᠂ ᠴᠢᠬᠤᠯᠠ ᠶᠡᠬᠡ ᠲᠦᠷᠦ ᠵᠢᠨ ᠪᠤᠳᠤᠯᠭ᠎ᠠ ᠵᠢ ᠨᠢᠭᠡ ᠴᠣᠭᠴᠠᠵᠢᠭᠤᠯᠤᠨ ᠲᠥᠯᠥᠪᠵᠢᠭᠦᠯᠭᠡ᠎ᠳᠡᠭᠡᠨ ᠣᠷᠣᠭᠤᠯᠤᠭᠰᠠᠨ᠎ᠤ ᠬᠠᠮᠲᠤ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠵᠣᠬᠢᠴᠠᠭᠤᠯᠬᠤ ᠳᠤᠭᠤᠶ᠋ᠢᠯᠠᠩ ᠪᠠᠶ᠋ᠢᠭᠤᠯᠵᠤ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠳᠤ ᠬᠣᠯᠪᠣᠭᠳᠠᠯ᠎ᠲᠠᠢ ᠴᠢᠬᠤᠯᠠ ᠶᠡᠬᠡ ᠠᠰᠠᠭᠤᠳᠠᠯ᠎ᠢ ᠨᠢᠭᠡᠳᠦᠯᠲᠡᠢ ᠵᠣᠬᠢᠴᠠᠭᠤᠯᠬᠤ ᠵᠢ ᠬᠠᠷᠢᠭᠤᠴᠠᠪᠠ; ᠨᠤᠢ᠍ᠬᠦᠭᠡ ᠲᠠᠯ᠎ᠠ᠎ᠪᠠᠷ᠂ ᠮᠤᠵᠢ ᠣᠷᠣᠨ᠎ᠤ ᠬᠡᠷᠡᠭᠵᠢᠭᠦᠯᠦᠯᠲᠡ ᠵᠢ ᠴᠢᠩᠭ᠋ᠠᠳᠬᠠᠨ᠂ ᠡᠯ᠎ᠡ ᠬᠢᠯᠢ ᠬᠢᠵᠠᠭ᠋ᠠᠷ᠎ᠤᠨ ᠮᠤᠵᠢ ᠣᠷᠣᠨ᠎ᠨᠤᠭᠤᠳ ᠬᠢᠯᠢ ᠬᠢᠵᠠᠭ᠋ᠠᠷ ᠣᠷᠣᠨ᠎ᠤ ᠬᠥᠭᠵᠢᠯᠲᠡ ᠵᠢ ᠲᠦᠷᠭᠡᠳᠬᠡᠬᠦ ᠶᠠᠪᠤᠳᠠᠯ᠎ᠢ ᠤᠯᠤᠰ ᠲᠥᠷᠥ ᠵᠢᠨ ᠴᠢᠬᠤᠯᠠ ᠡᠭᠦᠷᠭᠡ ᠪᠣᠯᠭ᠋ᠠᠵᠤ᠂ ᠲᠥᠯᠥᠪᠵᠢᠭᠦᠯᠭᠡ ᠵᠢᠨ ᠱᠠᠭ᠋ᠠᠷᠳᠠᠯᠭ᠎ᠠ ᠶᠣᠰᠣᠭ᠋ᠠᠷ ᠤᠳᠤᠷᠢᠳᠬᠤ ᠳᠤᠭᠤᠶ᠋ᠢᠯᠠᠩ ᠪᠠᠢ᠌ᠭᠤᠯᠤᠨ᠂ ᠲᠤᠰ ᠮᠤᠵᠢ ᠣᠷᠣᠨ᠎ᠤ ᠬᠢᠯᠢ ᠬᠢᠵᠠᠭ᠋ᠠᠷ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ ᠡᠮᠬᠢᠯᠡᠨ ᠨᠡᠢ᠌ᠯᠡᠭᠦᠯᠵᠦ᠂ ᠪᠦᠲᠦᠭᠡᠯᠴᠢ ᠴᠢᠨᠠᠷ᠎ᠲᠠᠢ᠎ᠪᠠᠷ ᠠᠵᠢᠯ ᠵᠶ᠋ᠠᠨ ᠦᠷᠨᠢᠭᠦᠯᠪᠡ; ᠭᠤᠷᠪᠠ᠎ᠳᠤ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠂ ᠠᠷᠠᠳ᠎ᠤᠨ ᠰᠡᠳᠬᠢᠯ᠎ᠢ ᠨᠢᠭᠲᠠᠷᠠᠭᠤᠯᠬᠤ ᠵᠢᠨ ᠲᠣᠭᠤᠷᠢᠨ᠎ᠳᠤ ᠠᠵᠢᠯ ᠵᠶ᠋ᠠᠨ ᠥᠷᠨᠢᠭᠦᠯᠵᠦ᠂ 《ᠡᠷᠥᠭᠡ᠎ᠳᠤ ᠬᠦᠷᠲᠡᠯ᠎ᠡ ᠰᠢᠭᠤᠳ ᠲᠡᠳᠬᠦᠨ ᠳᠡᠮᠵᠢᠬᠦ᠂ ᠤᠯᠠᠨ ᠲᠦᠮᠡᠨ᠎ᠳᠤ ᠰᠢᠭᠤᠳ ᠠᠰᠢᠭ ᠬᠦᠷᠲᠡᠭᠡᠬᠦ》 ᠵᠠᠷᠴᠢᠮ ᠶᠣᠰᠣᠭ᠋ᠠᠷ᠂ ᠤᠯᠠᠨ ᠲᠦᠮᠡᠨ᠎ᠤ ᠣᠷᠣᠯᠴᠠᠬᠤ ᠬᠡᠮᠵᠢᠶ᠎ᠡ᠎ᠨᠢ ᠥᠨᠳᠥᠷ᠂ ᠠᠰᠢᠭ ᠣᠯᠬᠤ ᠬᠣᠪᠢ᠎ᠨᠢ ᠶᠡᠬᠡ᠂ ᠪᠠᠶᠠᠵᠢᠭᠤᠯᠬᠤ᠎ᠪᠠᠷ ᠲᠠᠢ᠍ᠢ᠍ᠴᠢᠯᠠᠨ ᠳᠠᠭ᠋ᠠᠭᠤᠯᠬᠤ ᠬᠦᠴᠦᠨ ᠵᠶ᠋ᠠᠷ ᠴᠢᠩᠭ᠎ᠠ ᠪᠦᠬᠦᠢ ᠲᠥᠷᠥᠯ ᠵᠦᠢ᠍ᠯ᠎ᠢ ᠳᠡᠮᠵᠢᠬᠦ ᠭᠣᠣᠯᠳᠠᠯᠭ᠎ᠠ᠎ᠪᠠᠨ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠪᠡᠯᠡ ᠮᠥᠩᠭᠥ ᠵᠢᠨ ᠲᠤᠬᠢᠷᠠᠭᠤᠯᠤᠯᠳᠡ ᠵᠢᠨ ᠲᠠᠯ᠎ᠠ᠎ᠪᠠᠷ ᠥᠪᠡᠷᠮᠢᠴᠡ ᠣᠨᠴᠠᠯᠢᠭ ᠪᠦᠬᠦᠢ ᠳᠠᠷᠢᠵᠤ ᠲᠡᠵᠢᠭᠡᠬᠦ ᠦᠢ᠍ᠯᠡᠰ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠭᠠᠷ ᠤᠷᠠᠯᠠᠯ᠎ᠤᠨ ᠪᠦᠲᠦᠭᠡᠭᠳᠡᠬᠦᠨ ᠦᠢ᠍ᠯᠡᠳᠬᠡᠯ᠂ ᠠᠶ᠋ᠢᠯ ᠲᠣᠰᠬᠣᠨ᠎ᠤ ᠪᠦᠲᠦᠭᠡᠨ ᠪᠠᠶ᠋ᠢᠭᠤᠯᠤᠯᠲᠠ ᠵᠡᠷᠭᠡ ᠤᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ ᠢᠯᠡᠳᠲᠡ ᠰᠠᠢ᠌ᠵᠢᠷᠠᠭᠤᠯᠬᠤ ᠲᠥᠷᠥᠯ ᠵᠦᠢ᠍ᠯ ᠲᠡᠰᠢ ᠡᠩ ᠲᠡᠷᠢᠭᠦᠨ᠎ᠳᠤ ᠬᠡᠯᠪᠡᠶ᠋ᠢᠯᠭᠡᠵᠦ᠂ ᠤᠯᠠᠨ ᠲᠦᠮᠡᠨ᠎ᠳᠤ ᠠᠰᠢᠭ ᠬᠦᠷᠲᠡᠭᠡᠵᠦ᠂ ᠬᠢᠯᠢ ᠬᠢᠵᠠᠭ᠋ᠠᠷ ᠣᠷᠣᠨ᠎ᠤ ᠬᠥᠭᠵᠢᠯᠲᠡ ᠵᠢ ᠠᠬᠢᠭᠤᠯᠬᠤ᠎ᠳᠤ ᠰᠢᠨ᠎ᠡ ᠠᠷᠭ᠎ᠠ ᠵᠠᠮ᠎ᠢ ᠨᠡᠭᠡᠭᠡᠨ ᠥᠭᠴᠡᠢ᠃
      ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠬᠡᠷᠡᠭᠵᠢᠭᠦᠯᠦᠭᠰᠡᠨ᠎ᠠᠴᠠ ᠨᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠡᠳᠦᠷ ᠲᠤᠳᠤᠮ᠎ᠤᠨ ᠴᠢᠬᠤᠯᠠ ᠵᠥᠪᠯᠡᠬᠦ ᠵᠦᠢ᠍ᠯ᠎ᠳᠡᠭᠡᠨ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠣᠯᠣᠨ ᠨᠡᠶ᠋ᠢᠭᠡᠮ᠎ᠤᠨ ᠬᠥᠭᠵᠢᠯᠲᠡ ᠵᠢᠨ 《10· 5》᠂ 《11· 5》᠂ 《12· 5》 ᠵᠢᠨ ᠲᠥᠯᠥᠪᠵᠢᠭᠦᠯᠭᠡ᠎ᠳᠤ ᠣᠷᠣᠭᠤᠯᠤᠭᠰᠠᠨ ᠪᠥᠭᠡᠳ ᠦᠨᠳᠦᠰᠦᠲᠡᠨ᠎ᠤ ᠠᠵᠢᠯ᠎ᠢ ᠴᠢᠩᠭ᠋ᠠᠳᠬᠠᠬᠤ ᠵᠡᠷᠭᠡ ᠬᠣᠯᠪᠣᠭᠳᠠᠯ ᠪᠦᠬᠦᠢ ᠴᠢᠬᠤᠯᠠ ᠪᠢᠴᠢᠭ ᠮᠠᠲ᠋ᠧᠷᠢᠶᠠᠯ᠎ᠳᠤ ᠪᠢᠴᠢᠨ ᠣᠷᠣᠭᠤᠯᠵᠠᠢ᠂ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠨᠠᠷ ᠬᠢᠯᠢ ᠵᠢᠨ ᠬᠣᠰᠢᠭᠤ ᠬᠤᠳᠠ᠎ᠳᠤ ᠣᠯᠠᠨᠲᠠ ᠭᠦᠨᠵᠡᠭᠡᠶ᠋ᠢᠷᠡᠨ ᠪᠠᠶ᠋ᠢᠴᠠᠭ᠋ᠠᠨ ᠰᠤᠳᠤᠯᠤᠯᠲᠠ ᠬᠢᠭᠰᠡᠨ ᠪᠠ ᠵᠢᠭ᠋ᠠᠨ ᠵᠢᠯᠣᠭᠣᠳᠴᠦ᠂ ᠥᠪᠡᠷᠲᠡᠭᠡᠨ ᠵᠠᠰᠠᠬᠤ ᠣᠷᠣᠨ ᠳᠡᠳ᠋ ᠲᠡᠷᠢᠭᠦᠯᠡᠭᠴᠢ ᠯᠢᠦ ᠰᠢᠨ ᠯᠸ ᠵᠶ᠋ᠡᠷ ᠳᠤᠭᠤᠢ᠌ᠯᠠᠩ᠎ᠤᠨ ᠳᠠᠷᠤᠭ᠎ᠠ ᠪᠣᠯᠭ᠋ᠠᠵᠤ᠂ 18 ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠎ᠪᠠᠷ ᠪᠦᠷᠢᠯᠳᠦᠬᠦᠨ ᠨᠢᠭᠡᠴᠡ ᠪᠣᠯᠭ᠋ᠠᠭᠰᠠᠨ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ ᠤᠳᠤᠷᠢᠳᠬᠤ ᠳᠤᠭᠤᠶ᠋ᠢᠯᠠᠩ ᠪᠠᠶ᠋ᠢᠭᠤᠯᠵᠤ᠂ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠥ ᠵᠥᠪᠯᠡᠯ᠎ᠳᠤ ᠪᠠᠢ᠌ᠭᠤᠯᠪᠠ᠃ ᠥᠪᠡᠷᠲᠡᠭᠡᠨ ᠵᠠᠰᠠᠬᠤ ᠣᠷᠣᠨ ᠤᠯᠤᠰ᠎ᠤᠨ ᠬᠢᠯᠢ ᠬᠢᠵᠠᠭ᠋ᠠᠷ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ ᠲᠥᠯᠥᠪᠵᠢᠭᠦᠯᠭᠡ ᠵᠢᠨ ᠵᠣᠷᠢᠭ ᠰᠠᠨᠠᠭ᠎ᠠ᠎ᠲᠠᠢ ᠤᠶᠠᠯᠳᠤᠭᠤᠯᠤᠨ᠂ 《ᠲᠤᠷᠰᠢᠯᠲᠠ ᠵᠢᠨ ᠴᠢᠭ᠋᠎ᠢ ᠰᠤᠩᠭᠤᠵᠤ᠂ ᠲᠤᠷᠰᠢᠯᠭ᠎ᠠ᠎ᠪᠠᠨ ᠳ᠋ᠦᠩᠨᠡᠨ᠂ ᠨᠡᠶ᠋ᠢᠲᠡᠯᠢᠭ ᠵᠢᠱ᠌ᠢᠶ᠎ᠡ᠎ᠪᠠᠷ ᠳᠠᠭ᠋ᠠᠭᠤᠯᠬᠤ》 ᠠᠵᠢᠯ᠎ᠤᠨ ᠰᠡᠳᠬᠢᠮᠵᠢ ᠵᠢ ᠲᠣᠭᠲᠠᠭ᠋ᠠᠨ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠪᠠᠷᠠᠭᠤᠨ ᠪᠦᠰᠡ ᠵᠢᠨ ᠭᠠᠵᠠᠷ ᠣᠷᠣᠨ᠎ᠢ ᠶᠡᠬᠡᠪᠡᠷ ᠨᠡᠭᠡᠭᠡᠨ ᠬᠥᠭᠵᠢᠭᠦᠯᠬᠦ ᠪᠠᠶ᠋ᠢᠯᠳᠤᠬᠤ ᠪᠤᠳᠤᠯᠭ᠎ᠠ ᠵᠢᠨ ᠬᠡᠷᠡᠭᠵᠢᠭᠦᠯᠦᠯᠲᠡ᠎ᠯᠦᠭᠡ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ 《ᠬᠢᠯᠢ ᠵᠢᠨ ᠬᠣᠰᠢᠭᠤ ᠰᠢᠶᠠᠨ ᠬᠤᠳᠠ ᠵᠢ ᠲᠥᠷᠭᠡᠨ ᠬᠦᠭᠵᠢᠭᠦᠯᠬᠦ ᠲᠤᠬᠠᠶ ᠲᠣᠭᠲᠠᠭ᠋ᠠᠯ》᠎ᠢ ᠲᠤᠤᠱᠯᠠᠭᠤᠯᠤᠨ ᠨᠠᠢ᠌ᠳᠠᠪᠤᠷᠢᠵᠢᠭᠤᠯᠬᠤ᠎ᠯᠤᠭ᠎ᠠ ᠤᠶᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠥᠬᠥᠢ ᠰᠠᠯᠠᠭ᠎ᠠ ᠮᠦᠴᠢᠷ᠎ᠤᠳ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠵᠥᠪ ᠤᠳᠤᠷᠢᠳᠤᠯᠭ᠎ᠠ ᠳᠣᠣᠷ᠎ᠠ᠂ ᠤᠯᠤᠰ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠦᠴᠦᠲᠡᠶ ᠳᠡᠮᠵᠢᠯᠭᠡ ᠳᠣᠣᠷ᠎ᠠ᠂ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠵᠦ᠂ ᠥᠪᠡᠷ ᠥᠪᠡᠷ᠎ᠤᠨ ᠬᠠᠷᠢᠭᠤᠴᠠᠯᠭ᠎ᠠ᠎ᠪᠠᠨ ᠡᠭᠦᠷᠭᠡᠯᠡᠨ᠂ ᠲᠥᠷᠥᠯ ᠵᠦᠢ᠍ᠯ᠂ ᠪᠡᠯᠡ ᠮᠥᠩᠭᠥ ᠵᠢ ᠬᠢᠯᠢ ᠬᠢᠵᠠᠭ᠋ᠠᠷ ᠣᠷᠣᠨ ᠲᠡᠰᠢ ᠬᠡᠯᠪᠡᠶ᠋ᠢᠯᠭᠡᠵᠦ᠂ ᠬᠢᠯᠢ ᠵᠢᠨ ᠬᠣᠰᠢᠭᠤ ᠬᠤᠳᠠ ᠵᠢᠨ ᠲᠦᠷᠭᠡᠨ ᠬᠦᠭᠵᠢᠬᠦ ᠵᠢ ᠢᠳᠡᠪᠬᠢᠲᠡᠢ ᠳᠡᠮᠵᠢᠪᠡ᠃ ᠢᠯᠠᠩᠭᠤᠶ᠎ᠠ ᠤᠯᠤᠰ᠎ᠠᠴᠠ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ 《12· 5》 ᠵᠢᠨ ᠲᠥᠯᠥᠪᠵᠢᠭᠦᠯᠭᠡ ᠵᠢ ᠨᠡᠢ᠌ᠲᠡᠯᠡᠭᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠲᠤᠰ ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠪᠠ᠃ ᠮᠠᠨ᠎ᠤ ᠣᠷᠣᠨ ᠥᠪᠡᠷᠲᠡᠭᠡᠨ ᠵᠠᠰᠠᠬᠤ ᠣᠷᠣᠨ᠎ᠤ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ 《12· 5》 ᠵᠢᠨ ᠲᠥᠯᠥᠪᠵᠢᠭᠦᠯᠭᠡ ᠵᠢ ᠲᠣᠭᠲᠠᠭ᠋ᠠᠭᠰᠠᠨ ᠮᠥᠷᠲᠡᠭᠡᠨ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ᠎ᠤ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠎ᠳᠤ ᠴᠠᠭ ᠲᠣᠬᠠᠢ᠎ᠳᠤᠨᠢ ᠲᠣᠬᠢᠷᠠᠭᠤᠯᠤᠯᠲᠠ ᠬᠢᠵᠦ᠂ ᠪᠦᠷᠢᠯᠳᠦᠬᠦᠨ ᠨᠢᠭᠡᠴᠡ᠎ᠨᠦᠭᠦᠳ᠎ᠤᠨ ᠰᠠᠨᠠᠯ᠎ᠢ ᠬᠤᠷᠢᠶᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠭ ᠣᠷᠣᠨ᠎ᠤ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ ᠨᠢᠭᠡᠴᠡ᠎ᠨᠦᠭᠦᠳ᠎ᠤᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ᠎ᠢ ᠲᠣᠭᠲᠠᠭ᠋ᠠᠵᠤ᠂ ᠪᠦᠬᠦ ᠲᠠᠯ᠎ᠠ ᠵᠢ ᠪᠣᠳᠣᠯᠬᠢᠯᠠᠬᠤ ᠦᠵᠡᠯ ᠰᠠᠨᠠᠭ᠎ᠠ ᠵᠢ ᠲᠣᠳᠣᠷᠬᠠᠶ ᠪᠤᠢ ᠪᠣᠯᠭ᠋ᠠᠵᠤ᠂ ᠡᠬᠢ ᠪᠠᠶᠠᠯᠢᠭ᠎ᠢ ᠳᠠᠢ᠍ᠢ᠍ᠴᠢᠯᠠᠵᠤ᠂ ᠨᠡᠶ᠋ᠢᠯᠡᠯ ᠬᠦᠴᠦᠨ᠎ᠢ ᠪᠤᠢ ᠪᠣᠯᠭ᠋ᠠᠵᠤ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠶ ᠦᠷᠨᠢᠭᠦᠯᠬᠦ ᠵᠢ ᠬᠠᠮᠲᠤᠪᠡᠷ ᠲᠦᠯᠬᠢᠨ ᠠᠬᠢᠭᠤᠯᠪᠠ᠃

      ᠬᠥᠲᠥᠯᠥᠭᠴᠢ᠄
      ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠥᠷᠨᠢᠭᠦᠯᠬᠦ᠎ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ᠂ ᠭᠣᠣᠯᠳᠠᠭᠤ ᠶᠠᠮᠠᠷ ᠶᠠᠮᠠᠷ ᠣᠷᠤᠭᠤᠯᠤᠯᠲᠠ ᠬᠢᠭᠰᠡᠨ ᠪᠤᠢ?
      ᠮᠧᠩ ᡁᠢ ᠵᠢᠶᠦ᠋ᠨ᠄
      ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠥ ᠵᠥᠪᠯᠡᠯ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ ᠲᠦᠷᠦᠭᠦᠯᠡᠭᠴᠢ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠶ ᠭᠦᠢ᠍ᠴᠡᠳᠬᠡᠵᠦ᠂ ᠦᠢ᠍ᠯᠡᠳᠦᠯ ᠵᠶ᠋ᠠᠨ ᠢᠳᠡᠪᠬᠢᠲᠡᠶ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠥᠷᠨᠢᠭᠦᠯᠬᠦ᠎ᠳᠤ ᠶᠡᠬᠡ ᠬᠡᠮᠵᠢᠶᠡᠨ᠎ᠤ ᠪᠦᠲᠦᠮᠵᠢᠲᠡᠶ ᠠᠵᠢᠯ ᠬᠢᠵᠡᠢ᠃ 2000 ᠣᠨ᠎ᠳᠤ ᠡᠨᠡ ᠬᠦ᠌ ᠠᠵᠢᠯ᠎ᠢ ᠥᠷᠨᠢᠭᠦᠯᠦᠭᠰᠡᠨ᠎ᠠᠴᠠ ᠨᠠᠰᠢ᠂ ᠵᠥᠪᠯᠡᠯ᠎ᠤᠨ ᠤᠳᠤᠷᠢᠳᠤᠯᠭ᠎ᠠ ᠳᠤᠭᠤᠢ᠌ᠯᠠᠩ ᠳᠠᠭ᠋ᠠᠭᠤᠯᠤᠨ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ ᠵᠡᠷᠭᠡ ᠬᠠᠮᠢᠶ᠎ᠠ ᠪᠦᠬᠦᠢ ᠶᠠᠮᠤᠨ ᠵᠥᠪᠯᠡᠯ᠎ᠳᠤ ᠣᠯᠠᠨ ᠤᠳᠠᠭ᠎ᠠ ᠬᠠᠷᠢᠭᠤ ᠮᠡᠳᠡᠭᠦᠯᠵᠦ᠂ ᠮᠠᠨ᠎ᠤ ᠣᠷᠣᠨ᠎ᠤ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠤᠯᠤᠰ᠎ᠤᠨ ᠳᠡᠮᠵᠢᠯᠭᠡ ᠵᠢ ᠣᠯᠬᠤ ᠡᠷᠴᠢᠮ᠎ᠢ ᠴᠢᠩᠭ᠋ᠠᠷᠠᠭᠤᠯᠪᠠ᠃ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠨᠢ ᠲᠤᠷᠰᠢᠯᠲᠠ ᠵᠢᠨ ᠱᠠᠲᠤ᠂ ᠭᠣᠣᠯᠳᠠᠯᠭ᠎ᠠ᠎ᠲᠠᠢ ᠱᠠᠲᠤ ᠵᠢ ᠳᠠᠮᠵᠢᠭ᠋ᠠᠳ ᠪᠦᠬᠦ ᠲᠠᠯ᠎ᠠ᠎ᠪᠠᠷ ᠶᠠᠪᠤᠭᠳᠠᠪᠠ᠃ 2000 ᠣᠨ᠎ᠠᠴᠠ 2003 ᠣᠨ ᠪᠣᠯᠲᠠᠯ᠎ᠠ᠂ ᠪᠤᠭᠤᠲᠤ ᠬᠣᠲᠠ ᠵᠢᠨ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤ ᠪᠣᠯᠤᠨ ᠰᠢᠯᠢ ᠵᠢᠨ ᠭᠣᠣᠯ ᠠᠶ᠋ᠢᠮᠠᠭ᠎ᠤᠨ ᠠᠪᠠᠭ᠎ᠠ ᠬᠣᠰᠢᠭᠤ ᠵᠢ ᠤᠯᠤᠰ᠎ᠤᠨ ᠲᠡᠰ᠎ᠤᠨ ᠲᠤᠷᠰᠢᠯᠲᠠ ᠵᠢᠨ ᠬᠣᠰᠢᠭᠤ᠎ᠪᠠᠷ ᠲᠣᠭᠲᠠᠭ᠋ᠠᠵᠤ᠂ ᠳᠥᠷᠪᠡᠳ ᠬᠣᠰᠢᠭᠤ ᠵᠢ ᠥᠪᠡᠷᠲᠡᠭᠡᠨ ᠵᠠᠰᠠᠬᠤ ᠣᠷᠣᠨ᠎ᠤ ᠲᠤᠷᠰᠢᠯᠲᠠ ᠵᠢᠨ ᠬᠣᠰᠢᠭᠤ᠎ᠪᠠᠷ ᠲᠣᠭᠲᠠᠭ᠋ᠠᠵᠤ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ ᠲᠤᠷᠰᠢᠯᠲᠠ ᠵᠢᠨ ᠠᠵᠢᠯ᠎ᠢ ᠥᠷᠨᠢᠭᠦᠯᠪᠡ᠃ 2004 ᠣᠨ᠎ᠠᠴᠠ 2006 ᠣᠨ ᠪᠣᠯᠲᠠᠯ᠎ᠠ᠂ ᠮᠠᠨ᠎ᠤ ᠣᠷᠣᠨ᠎ᠤ ᠰᠢᠨ᠎ᠡ ᠪᠠᠷᠭᠤ ᠪᠠᠷᠠᠭᠤᠨ ᠬᠣᠰᠢᠭᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ᠂ ᠡᠷᠢᠶᠡᠨ ᠬᠤᠳᠠ᠂ ᠤᠷᠠᠳ᠎ᠤᠨ ᠳᠤᠮᠳᠠᠳᠤ ᠬᠣᠰᠢᠭᠤ᠂ ᠠᠯᠠᠱ᠌ᠠ ᠵᠡᠭᠦᠨ ᠬᠣᠰᠢᠭᠤ ᠵᠡᠷᠭᠡ ᠲᠠᠪᠤᠨ ᠬᠣᠰᠢᠭᠤ ᠬᠣᠲᠠ ᠵᠢ ᠤᠯᠤᠰ᠎ᠤᠨ ᠲᠡᠰ᠎ᠤᠨ ᠭᠣᠣᠯᠳᠠᠯᠭ᠎ᠠ᠎ᠲᠠᠢ ᠬᠣᠰᠢᠭᠤ᠎ᠪᠠᠷ ᠲᠣᠭᠲᠠᠭ᠋ᠠᠵᠤ᠂ ᠡᠷᠭᠦᠨ᠎ᠡ ᠬᠣᠲᠠ᠂ ᠵᠡᠭᠦᠨ ᠦᠵᠦᠮᠦᠴᠢᠨ ᠬᠣᠰᠢᠭᠤ ᠵᠢ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠭᠣᠣᠯᠳᠠᠯᠭ᠎ᠠ᠎ᠲᠠᠢ ᠬᠣᠰᠢᠭᠤ᠎ᠪᠠᠷ ᠲᠣᠭᠲᠠᠭ᠋ᠠᠪᠠ᠃ 2007 ᠣᠨ᠎ᠳᠤ᠂ ᠮᠠᠨ᠎ᠤ ᠣᠷᠣᠨ᠎ᠤ ᠰᠢᠨ᠎ᠡ ᠪᠠᠷᠭᠤ ᠵᠡᠭᠦᠨ ᠬᠣᠰᠢᠭᠤ᠂ ᠬᠠᠭᠤᠴᠢᠨ ᠪᠠᠷᠭᠤ ᠬᠣᠰᠢᠭᠤ᠂ ᠷᠠᠰᠢᠶᠠᠨ ᠬᠤᠳᠠ᠂ ᠰᠥᠨᠢᠳ ᠵᠡᠭᠦᠨ ᠬᠣᠰᠢᠭᠤ᠂ ᠰᠥᠨᠢᠳ ᠪᠠᠷᠠᠭᠤᠨ ᠬᠣᠰᠢᠭᠤ᠂ ᠤᠷᠠᠳ᠎ᠤᠨ ᠬᠣᠶ᠋ᠢᠲᠤ ᠬᠣᠰᠢᠭᠤ᠂ ᠠᠯᠠᠱ᠌ᠠ ᠪᠠᠷᠠᠭᠤᠨ ᠬᠣᠰᠢᠭᠤ᠂ ᠡᠵᠡᠨ᠎ᠡ ᠬᠣᠰᠢᠭᠤ ᠵᠡᠷᠭᠡ 8 ᠬᠣᠰᠢᠭᠤ ᠬᠣᠲᠠ ᠵᠢ ᠭᠣᠣᠯᠳᠠᠯᠭ᠎ᠠ᠎ᠲᠠᠢ ᠬᠣᠰᠢᠭᠤ᠎ᠪᠠᠷ ᠲᠣᠭᠲᠠᠭ᠋ᠠᠵᠤ᠂ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠳᠡᠮᠵᠢᠯᠭᠡ ᠵᠢ ᠣᠯᠪᠠ᠃ 2008 ᠣᠨ᠎ᠠᠴᠠ ᠡᠬᠢᠯᠡᠨ᠂ ᠬᠢᠯᠢ ᠬᠢᠵᠠᠭ᠋ᠠᠷ ᠣᠷᠣᠨ᠎ᠳᠠᠬᠢ ᠣᠷᠣᠭᠤᠯᠤᠯᠲᠠ ᠵᠢ ᠨᠡᠮᠡᠭᠳᠡᠭᠦᠯᠵᠦ᠂ ᠮᠠᠨ᠎ᠤ ᠣᠷᠣᠨ᠎ᠤ 19 ᠬᠢᠯᠢ ᠬᠢᠵᠠᠭ᠋ᠠᠷ᠎ᠤᠨ ᠬᠣᠰᠢᠭᠤ ᠬᠣᠲᠠ ᠵᠢ ᠪᠦᠭᠦᠳᠡ ᠵᠢ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ ᠪᠡᠯᠡ ᠮᠥᠩᠭᠦ᠎ᠪᠠᠷ ᠲᠡᠳᠬᠦᠨ ᠳᠡᠮᠵᠢᠬᠦ ᠬᠦᠷᠢᠶ᠎ᠡ ᠬᠡᠪᠴᠢᠶᠡᠨ᠎ᠳᠤ ᠣᠷᠣᠭᠤᠯᠪᠠ᠃ 2011 ᠣᠨ᠎ᠳᠤ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠠᠴᠠ ᠬᠢᠯᠢ ᠬᠢᠵᠠᠭ᠋ᠠᠷ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ ᠲᠥᠯᠥᠪᠵᠢᠭᠦᠯᠭᠡ (2011 — 2015 ᠣᠨ) ᠵᠢ ᠳᠠᠷᠤᠮᠠᠯᠯᠠᠨ ᠲᠠᠷᠬᠠᠭ᠋ᠠᠵᠤ᠂ ᠪᠦᠬᠦ ᠤᠯᠤᠰ᠎ᠤᠨ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠥᠷᠨᠢᠭᠦᠯᠬᠦ ᠬᠥᠲᠥᠯᠪᠦᠷᠢ ᠵᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠥ ᠵᠥᠪᠯᠡᠯ ᠲᠦᠷᠦᠭᠦᠯᠡᠭᠴᠢ ᠬᠠᠷᠢᠭᠤᠴᠠᠯᠭ᠎ᠠ᠎ᠪᠠᠨ ᠢᠳᠡᠪᠬᠢᠲᠡᠶ ᠨᠠᠶ᠋ᠢᠳᠠᠪᠤᠷᠢᠵᠢᠭᠤᠯᠵᠤ᠂ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳ ᠪᠠᠳᠠᠷᠠᠭᠤᠯᠵᠤ᠂ ᠰᠠᠭᠤᠷᠢ ᠵᠢ ᠪᠠᠲᠤᠳᠬᠠᠬᠤ᠂ ᠵᠢᠭ᠋ᠠᠨ ᠵᠢᠯᠣᠭᠣᠳᠬᠤ᠂ ᠵᠣᠬᠢᠴᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠦᠯᠡᠮᠵᠢ ᠣᠯᠠᠨ ᠬᠢᠪᠡ᠂ ᠨᠢᠭᠡ᠎ᠳᠤ ᠢᠳᠡᠪᠬᠢᠲᠡᠶ᠎ᠪᠠᠷ ᠬᠠᠷᠢᠭᠤ ᠮᠡᠳᠡᠭᠦᠯᠦᠨ᠂ ᠵᠣᠬᠢᠴᠠᠭᠤᠯᠵᠤ ᠪᠠᠢ᠌ᠭ᠋ᠠᠳ ᠤᠳᠤᠷᠢᠳᠤᠯᠭ᠎ᠠ ᠵᠢᠨ ᠬᠦᠨᠳᠦᠳᠬᠡᠯ ᠪᠣᠯᠣᠨ ᠰᠠᠯᠠᠭ᠎ᠠ ᠮᠥᠴᠢᠷ᠎ᠤᠨ ᠳᠡᠮᠵᠢᠯᠭᠡ ᠵᠢ ᠣᠯᠪᠠ᠃
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠳᠤ ᠢᠳᠡᠪᠬᠢᠲᠡᠢ᠎ᠪᠠᠷ ᠠᠵᠢᠯ᠎ᠤᠨ ᠬᠠᠷᠢᠭᠤ ᠮᠡᠳᠡᠭᠦᠯᠦᠯᠲᠡ ᠬᠢᠵᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭ᠋ᠠᠨ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠲᠠᠢ ᠬᠠᠮᠲᠤᠷᠠᠨ ᠤᠯᠤᠰ᠎ᠤᠨ ᠲᠥᠯᠥᠪᠵᠢᠭᠦᠯᠭᠡ ᠵᠢ ᠦᠨᠳᠦᠰᠦᠯᠡᠨ᠂ ᠮᠠᠨ᠎ᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ᠎ᠤ ᠬᠢᠯᠢ ᠬᠢᠵᠠᠭ᠋ᠠᠷ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ 《12·5》 ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠭᠰᠠᠨ ᠪᠥᠭᠡᠳ ᠳᠠᠷᠤᠮᠠᠯᠯᠠᠨ ᠲᠠᠷᠬᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠎ᠢ ᠴᠠᠭ ᠲᠤᠬᠠᠶ᠎ᠳᠤᠨᠢ ᠲᠣᠬᠢᠷᠠᠭᠤᠯᠪᠠ᠃ ᠪᠦᠷᠢᠯᠳᠦᠬᠦᠨ ᠨᠢᠭᠡᠴᠡ ᠵᠢᠨ ᠰᠠᠨᠠᠯ᠎ᠢ ᠬᠤᠷᠢᠶᠠᠬᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ ᠨᠢᠭᠡᠴᠡ᠎ᠨᠦᠭᠦᠳ᠎ᠤᠨ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ᠎ᠢ ᠲᠣᠭᠲᠠᠭ᠋ᠠᠵᠤ᠂ ᠪᠦᠬᠦᠯᠢ ᠲᠠᠯ᠎ᠠ ᠵᠢ ᠪᠣᠳᠣᠯᠬᠢᠯᠠᠬᠤ ᠦᠵᠡᠯ ᠰᠠᠨᠠᠭ᠎ᠠ ᠵᠢ ᠲᠣᠳᠣᠷᠬᠠᠶ ᠪᠤᠢ ᠪᠣᠯᠭ᠋ᠠᠵᠤ᠂ ᠡᠬᠢ ᠪᠠᠶᠠᠯᠢᠭ᠎ᠢ ᠳᠠᠢ᠍ᠢ᠍ᠴᠢᠯᠠᠵᠤ᠂ ᠨᠡᠶ᠋ᠢᠯᠡᠯ ᠬᠦᠴᠦᠨ᠎ᠢ ᠪᠤᠢ ᠪᠣᠯᠭ᠋ᠠᠵᠤ᠂ ᠬᠢᠯᠢ ᠬᠢᠵᠠᠭ᠋ᠠᠷ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠶ ᠥᠷᠨᠢᠭᠦᠯᠬᠦ ᠵᠢ ᠬᠠᠮᠲᠤ᠎ᠪᠠᠷ ᠲᠥᠯᠬᠢᠨ ᠠᠬᠢᠭᠤᠯᠪᠠ᠃ ᠬᠣᠶᠠᠷ᠎ᠲᠤ᠂ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠂ ᠡᠳ᠋᠎ᠤᠨ ᠵᠠᠰᠠᠭ᠎ᠤᠨ ᠶᠠᠮᠤᠨ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠪᠡᠯᠡ ᠮᠥᠩᠭᠥ ᠣᠯᠬᠤ ᠠᠵᠢᠯ᠎ᠢ ᠢᠳᠡᠪᠬᠢᠲᠡᠢ ᠬᠢᠵᠦ᠂ ᠮᠠᠨ᠎ᠤ ᠣᠷᠣᠨ᠎ᠤ ᠬᠢᠯᠢ ᠬᠢᠵᠠᠭ᠋ᠠᠷ᠎ᠤᠨ ᠬᠣᠰᠢᠭᠤ ᠬᠣᠲᠠ᠎ᠳᠠᠬᠢ ᠣᠷᠣᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠪᠠ᠃ 2000 ᠣᠨ᠎ᠠᠴᠠ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠬᠡᠷᠡᠭᠵᠢᠭᠦᠯᠦᠭᠰᠡᠨ᠎ᠠᠴᠠ ᠠᠪᠤᠭ᠋ᠠᠳ 2016 ᠣᠨ ᠪᠣᠯᠲᠠᠯ᠎ᠠ᠂ ᠮᠠᠨ᠎ᠤ ᠵᠥᠪᠯᠡᠯ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠲᠤᠷᠠᠨ ᠬᠢᠯᠢ ᠬᠢᠵᠠᠭ᠋ᠠᠷ᠎ᠤᠨ ᠬᠣᠰᠢᠭᠤ ᠬᠤᠳᠠ᠎ᠳᠤ ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠭᠦᠯᠦᠯᠲᠡ ᠵᠢᠨ ᠪᠡᠯᠡ ᠮᠥᠩᠭᠥ ᠵᠢ ᠨᠡᠢ᠌ᠲᠡ 14.4 ᠳ᠋ᠦᠩᠰᠢᠭᠤᠷ ᠲᠥᠭᠥᠷᠢᠭ ᠲᠣᠬᠢᠷᠠᠭᠤᠯᠵᠤ᠂ ᠡᠯ᠎ᠡ ᠲᠥᠷᠥᠯ᠎ᠤᠨ ᠪᠥᠳᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ 1500 ᠭᠠᠷᠤᠶ ᠵᠢ ᠬᠡᠷᠡᠭᠵᠢᠭᠦᠯᠪᠡ᠃ ᠭᠤᠷᠪᠠ᠎ᠳᠤ ᠬᠢᠯᠢ ᠬᠢᠵᠠᠭ᠋ᠠᠷ᠎ᠤᠨ ᠠᠶ᠋ᠢᠮᠠᠭ ᠬᠤᠳᠠ ᠪᠠ ᠬᠢᠯᠢ ᠬᠢᠵᠠᠭ᠋ᠠᠷ᠎ᠤᠨ ᠬᠣᠰᠢᠭᠤ ᠬᠣᠲᠠ ᠰᠢᠶᠠᠨ᠎ᠢ ᠢᠳᠡᠪᠬᠢᠲᠡᠶ᠎ᠪᠠᠷ ᠵᠢᠯᠣᠭᠣᠳᠴᠤ ᠪᠠᠢ᠌ᠭ᠋ᠠᠳ ᠡᠨᠡ ᠬᠦ᠌ ᠠᠵᠢᠯ᠎ᠢ ᠤᠷᠤᠭᠰᠢᠲᠠᠶ ᠲᠦᠯᠬᠢᠨ ᠠᠬᠢᠭᠤᠯᠵᠤ᠂ ᠡᠯ᠎ᠡ ᠭᠠᠵᠠᠷ᠎ᠤᠨ ᠠᠵᠢᠯ᠎ᠤᠨ ᠪᠠᠶ᠋ᠢᠭᠤᠯᠤᠮᠵᠢ ᠵᠢ ᠴᠢᠩᠭ᠋ᠠᠳᠬᠠᠬᠤ᠂ ᠬᠡᠷᠡᠭᠵᠢᠭᠦᠯᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠂ ᠲᠥᠷᠥᠯ ᠵᠦᠢ᠍ᠯ᠎ᠢ ᠰᠠᠢ᠌ᠳᠤᠷ ᠰᠣᠩᠭᠣᠨ ᠮᠡᠳᠡᠭᠦᠯᠬᠦ᠂ ᠲᠥᠷᠥᠯ ᠵᠦᠢ᠍ᠯ᠎ᠤᠨ ᠬᠥᠮᠥᠷᠭᠡ ᠪᠦᠲᠦᠭᠡᠨ ᠪᠠᠢ᠌ᠭᠤᠯᠬᠤ ᠵᠢ᠎ᠨᠢ ᠵᠢᠭ᠋ᠠᠨ ᠵᠢᠯᠣᠭᠣᠳᠴᠤ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠲᠥᠷᠥᠯ ᠵᠦᠢ᠍ᠯ ᠪᠣᠯᠤᠨ ᠲᠥᠯᠥᠪᠵᠢᠭᠦᠯᠭᠡ ᠵᠢᠨ ᠬᠡᠷᠡᠭᠵᠢᠭᠦᠯᠦᠯᠲᠡ ᠵᠢ ᠰᠢᠮᠳᠠᠭᠤᠯᠤᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠵᠦ᠂ ᠲᠥᠯᠥᠪᠵᠢᠭᠦᠯᠭᠡ ᠵᠢᠨ ᠬᠡᠷᠡᠭᠵᠢᠭᠦᠯᠦᠯᠲᠡ ᠵᠢ ᠦᠨᠡᠯᠡᠨ ᠵᠢᠱ᠌ᠢᠬᠦ ᠠᠵᠢᠯ᠎ᠢ ᠰᠠᠶ᠋ᠢᠲᠤᠷ ᠬᠢᠪᠡ᠃ ᠲᠦᠷᠪᠡ᠎ᠳᠤ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠪᠠᠶ᠋ᠢᠷᠢᠯᠠᠭᠤᠯᠤᠭᠰᠠᠨ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ ᠬᠠᠮᠢᠶ᠎ᠠ ᠪᠦᠬᠦᠢ ᠡᠯ᠎ᠡ ᠵᠦᠢ᠍ᠯ᠎ᠤᠨ ᠠᠵᠢᠯ᠎ᠢ ᠪᠡᠶᠡᠯᠡᠭᠦᠯᠵᠦ᠂ ᠡᠯ᠎ᠡ ᠲᠦᠷᠦᠯ᠎ᠤᠨ ᠳ᠋ᠦᠩᠨᠡᠯᠲᠡ ᠵᠢ ᠴᠠᠭ ᠲᠤᠬᠠᠶ᠎ᠳᠤᠨᠢ ᠳᠡᠭᠡᠭᠰᠢ ᠮᠡᠳᠡᠭᠦᠯᠵᠦ᠂ ᠠᠵᠢᠯ᠎ᠤᠨ ᠲᠤᠬᠠᠢ ᠬᠠᠮᠢᠶ᠎ᠠ ᠪᠦᠬᠦᠢ ᠰᠠᠨᠠᠭᠤᠯᠭ᠎ᠠ ᠵᠢ ᠢᠳᠡᠪᠬᠢᠲᠡᠶ᠎ᠪᠠᠷ ᠳᠤᠷᠠᠳᠴᠤ᠂ ᠬᠢᠯᠢ ᠬᠢᠵᠠᠭ᠋ᠠᠷ ᠣᠷᠣᠨ᠎ᠳᠤ ᠳᠡᠮᠵᠢᠯᠭᠡ ᠦᠵᠡᠭᠦᠯᠬᠦ ᠡᠷᠴᠢᠮ᠎ᠢ ᠴᠢᠩᠭ᠋ᠠᠷᠠᠭᠤᠯᠪᠠ᠃
      ᠤᠯᠤᠰ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠬᠠᠮᠲᠤᠷᠠᠭᠰᠠᠨ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠵᠣᠬᠢᠶᠠᠨ ᠪᠠᠢ᠌ᠭᠤᠯᠵᠤ ᠤᠷᠢᠳ ᠬᠣᠵᠢᠳ ᠮᠠᠨ᠎ᠤ ᠣᠷᠣᠨ᠎ᠢ 《12·5》 ᠵᠢᠨ ᠲᠥᠯᠥᠪᠵᠢᠭᠦᠯᠭᠡ ᠵᠢ ᠬᠡᠷᠡᠭᠵᠢᠭᠦᠯᠦᠭᠰᠡᠨ ᠳ᠋ᠦᠩᠨᠡᠯᠲᠡ ᠪᠠ 《13 · 5》 ᠵᠢᠨ ᠲᠥᠯᠥᠪᠵᠢᠭᠦᠯᠭᠡ ᠵᠢᠨ ᠪᠠᠶ᠋ᠢᠴᠠᠭ᠋ᠠᠨ ᠰᠤᠳᠤᠯᠵᠤ ᠨᠠᠶ᠋ᠢᠷᠠᠭᠤᠯᠤᠨ ᠵᠣᠬᠢᠶᠠᠬᠤ ᠨᠡᠶ᠋ᠢᠲᠡᠯᠢᠭ ᠵᠢᠱ᠌ᠢᠶ᠎ᠡ ᠪᠣᠯᠭ᠋ᠠᠨ ᠮᠠᠨ᠎ᠤ ᠣᠷᠣᠨ᠎ᠳᠤ ᠣᠯᠠᠨᠲᠠ ᠢᠷᠠᠵᠤ ᠲᠤᠰᠬᠠᠶ ᠰᠡᠳᠦᠪᠲᠦ ᠪᠠᠶ᠋ᠢᠴᠠᠭ᠋ᠠᠨ ᠰᠤᠳᠤᠯᠤᠯᠲᠠ ᠬᠢᠵᠦ᠂ ᠮᠠᠨ᠎ᠤ ᠵᠥᠪᠯᠡᠯ ᠳᠡᠭᠡᠭᠰᠢ ᠤᠯᠠᠮᠵᠢᠯᠠᠵᠤ ᠳᠣᠷᠣᠭᠰᠢ ᠨᠠᠶ᠋ᠢᠳᠠᠪᠤᠷᠢᠵᠢᠭᠤᠯᠬᠤ᠂ ᠬᠠᠷᠢᠭᠤ ᠮᠡᠳᠡᠭᠦᠯᠦᠯᠲᠡ ᠵᠢᠨ ᠮᠠᠲ᠋ᠧᠷᠢᠶᠠᠯ ᠪᠢᠴᠢᠬᠦ᠂ ᠪᠣᠳᠠᠲᠤ ᠭᠠᠵᠠᠷ᠎ᠲᠤ ᠪᠠᠶ᠋ᠢᠴᠠᠭ᠋ᠠᠨ ᠰᠤᠳᠤᠯᠬᠤ ᠵᠢ ᠵᠣᠬᠢᠴᠠᠭᠤᠯᠬᠤ ᠵᠡᠷᠭᠡ ᠠᠵᠢᠯ᠎ᠢ ᠴᠠᠭ ᠲᠤᠬᠠᠶ᠎ᠳᠤᠨᠢ ᠴᠢᠨᠠᠷ᠎ᠢ ᠪᠠᠲᠤᠯᠠᠨ ᠪᠡᠶᠡᠯᠡᠭᠦᠯᠵᠦ᠂ ᠡᠯ᠎ᠡ ᠲᠦᠷᠦᠯ᠎ᠤᠨ ᠪᠠᠶ᠋ᠢᠴᠠᠭ᠋ᠠᠨ ᠰᠤᠳᠤᠯᠤᠯᠲᠠ ᠵᠢᠨ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠬᠦ᠎ᠳᠤ ᠶᠡᠬᠡ ᠬᠡᠮᠵᠢᠶᠡᠨ᠎ᠤ ᠨᠠᠷᠢᠨ ᠨᠢᠮᠪᠠᠶ ᠠᠵᠢᠯ ᠬᠢᠪᠡ᠃ ᠲᠠᠪᠤ᠎ᠳᠤ ᠬᠣᠯᠪᠣᠭᠳᠠᠯ ᠪᠦᠬᠦᠢ ᠰᠣᠨᠢᠨ ᠮᠡᠳᠡᠭᠡᠨ᠎ᠤ ᠵᠠᠭᠤᠴᠢᠯᠠᠭᠤᠷ᠎ᠲᠠᠢ ᠢᠳᠡᠪᠬᠢᠲᠡᠶ᠎ᠪᠠᠷ ᠬᠠᠮᠵᠢᠯᠴᠠᠵᠤ ᠪᠠᠢ᠌ᠭ᠋ᠠᠳ ᠤᠬᠠᠭᠤᠯᠭ᠎ᠠ ᠵᠢᠨ ᠡᠷᠴᠢᠮ᠎ᠢ ᠨᠡᠮᠡᠭᠳᠡᠭᠦᠯᠵᠦ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠤᠬᠠᠭᠤᠯᠵᠤ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢ ᠤᠬᠠᠭᠤᠯᠵᠤ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠠᠴᠠ ᠬᠢᠯᠢ ᠬᠢᠵᠠᠭ᠋ᠠᠷ ᠣᠷᠣᠨ᠎ᠤ ᠡᠯ᠎ᠡ ᠦᠨᠳᠦᠰᠦᠲᠡᠨ᠎ᠤ ᠠᠷᠠᠳ ᠲᠦᠮᠡᠨ᠎ᠳᠤ ᠬᠦᠷᠲᠡᠭᠡᠭᠰᠡᠨ ᠠᠰᠢᠭ ᠲᠤᠰᠠ ᠵᠢ ᠤᠬᠠᠭᠤᠯᠪᠠ᠃ ᠤᠬᠠᠭᠤᠯᠭ᠎ᠠ᠎ᠪᠠᠷ ᠳᠠᠮᠵᠢᠭᠤᠯᠤᠨ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠬᠥᠮᠦᠰ᠎ᠤᠨ ᠰᠡᠳᠬᠢᠯ᠎ᠳᠤ ᠭᠦᠨ ᠰᠠᠭᠤᠭᠳᠠᠭᠤᠯᠵᠤ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠥᠷᠨᠢᠭᠦᠯᠬᠦ ᠬᠦᠴᠦᠷᠬᠡᠭ ᠶᠡᠬᠡ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠪᠤᠢ ᠪᠣᠯᠭ᠋ᠠᠪᠠ᠃ ᠵᠢᠷᠭᠤᠭ᠎ᠠ᠎ᠳᠤ ᠬᠢᠯᠢ ᠬᠢᠵᠠᠭ᠋ᠠᠷ᠎ᠤᠨ ᠬᠣᠰᠢᠭᠤ ᠬᠤᠳᠠ᠎ᠳᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠥᠷᠨᠢᠭᠦᠯᠬᠦ᠎ᠳᠤ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠲᠡᠭᠦᠨ᠎ᠤ ᠳᠣᠲᠣᠷᠠᠬᠢ ᠴᠢᠬᠤᠯᠠ ᠨᠢᠭᠡ ᠠᠭᠤᠯᠭ᠎ᠠ ᠪᠣᠯᠭ᠋ᠠᠵᠤ᠂ ᠢᠯᠠᠩᠭᠤᠶ᠎ᠠ 《ᠭᠤᠷᠪᠠ ᠵᠢ ᠦᠵᠡᠭᠦᠯᠬᠦ ᠭᠤᠷᠪᠠ ᠵᠢ ᠠᠳᠠᠯᠢᠳᠬᠠᠬᠤ ᠭᠤᠷᠪᠠ ᠵᠢ ᠡᠭᠦᠳᠬᠦ》 ᠵᠢ ᠥᠷᠭᠡᠨ ᠵᠶ᠋ᠠᠷ ᠥᠷᠨᠢᠭᠦᠯᠵᠦ᠂ 《ᠬᠠᠷᠢᠭᠤᠴᠠᠯᠭ᠎ᠠ᠎ᠪᠠᠨ ᠭᠦᠢ᠍ᠴᠡᠳᠬᠡᠨ ᠬᠦᠰᠡᠯ᠎ᠪᠠᠨ ᠲᠡᠷᠭᠡᠯᠰᠢᠭᠦᠯᠬᠦ》 ᠭᠣᠣᠯ ᠰᠡᠳᠦᠪ᠎ᠤᠨ ᠦᠢ᠍ᠯᠡᠳᠦᠯᠭᠡᠵᠢᠭᠦᠯᠦᠯᠲᠡ ᠵᠡᠷᠭᠡ ᠠᠵᠢᠯᠯᠠᠭ᠎ᠠ ᠵᠢ ᠠᠬᠢᠭᠤᠯᠬᠤ᠎ᠳᠠᠭᠠᠨ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠲᠠᠢ ᠤᠶᠠᠯᠳᠤᠭᠤᠯᠤᠨ ᠬᠠᠷᠢᠯᠴᠠᠨ ᠤᠷᠤᠭᠰᠢᠯᠠᠭᠤᠯᠵᠤ᠂ ᠬᠠᠷᠢᠯᠴᠠᠨ ᠠᠬᠢᠭᠤᠯᠵᠤ ᠴᠢᠳᠠᠪᠠ᠃
      ᠬᠥᠲᠥᠯᠥᠭᠴᠢ᠄
      ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠥᠷᠨᠢᠭᠦᠯᠬᠦ᠎ᠪᠠᠷ ᠳᠠᠮᠵᠢᠭᠤᠯᠤᠨ᠂ ᠮᠠᠨ᠎ᠤ ᠣᠷᠣᠨ᠎ᠤ ᠬᠢᠯᠢ ᠬᠢᠵᠠᠭ᠋ᠠᠷ ᠣᠷᠣᠨ᠎ᠳᠤ ᠶᠠᠮᠠᠷ ᠶᠠᠮᠠᠷ ᠪᠠᠶᠠᠷᠯᠠᠭᠤᠰᠢᠲᠠᠶ ᠬᠤᠪᠢᠷᠠᠯᠲᠠ ᠭᠠᠷᠤᠭᠰᠠᠨ ᠪᠤᠢ?
      ᠮᠸᠩ ᡁᠢ ᠵᠢᠶᠦ᠋ᠨ᠄
      ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠥᠷᠨᠢᠭᠦᠯᠦᠭᠰᠡᠨ᠎ᠠᠴᠠ ᠨᠠᠰᠢ᠂ ᠢᠯᠠᠩᠭᠤᠶ᠎ᠠ 《12·5》 ᠵᠢᠨ ᠲᠥᠯᠥᠪᠵᠢᠭᠦᠯᠭᠡ ᠵᠢ ᠬᠡᠷᠡᠭᠵᠢᠭᠦᠯᠦᠭᠰᠡᠨ᠎ᠠᠴᠠ ᠨᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ ᠲᠥᠯᠥᠪᠵᠢᠭᠦᠯᠭᠡ ᠵᠢ ᠨᠠᠷᠢᠨ ᠬᠢᠨᠠᠮᠠᠭ᠋ᠠᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠬᠢᠯᠢ ᠬᠢᠵᠠᠭ᠋ᠠᠷ᠎ᠤᠨ ᠬᠣᠰᠢᠭᠤ ᠬᠣᠲᠠ ᠵᠢ ᠦᠨᠳᠦᠰᠦᠲᠡᠨ᠎ᠤ ᠠᠵᠢᠯ᠎ᠤᠨ ᠭᠣᠣᠯᠳᠠᠯᠭ᠎ᠠ᠎ᠲᠠᠢ ᠲᠡᠳᠬᠦᠨ ᠳᠡᠮᠵᠢᠬᠦ ᠣᠷᠣᠨ ᠪᠣᠯᠭ᠋ᠠᠵᠤ᠂ ᠢᠯᠭ᠋ᠠᠨ ᠳᠡᠮᠵᠢᠬᠦ ᠲᠤᠢ᠍ᠷᠦ ᠵᠢᠨ ᠪᠤᠳᠦᠯᠭ᠎ᠠ ᠵᠢ ᠬᠡᠷᠡᠭᠵᠢᠭᠦᠯᠵᠦ᠂ ᠥᠪᠡᠷ᠎ᠢ᠎ᠪᠠᠨ ᠬᠥᠭᠵᠢᠭᠦᠯᠬᠦ ᠴᠢᠳᠠᠪᠤᠷᠢ ᠵᠢ᠎ᠨᠢ ᠲᠠᠰᠤᠷᠠᠯᠲᠠ ᠦᠭᠡᠶ ᠨᠡᠮᠡᠭᠳᠡᠭᠦᠯᠦᠨ᠂ ᠮᠠᠨ᠎ᠤ ᠣᠷᠣᠨ᠎ᠤ ᠬᠢᠯᠢ ᠬᠢᠵᠠᠭ᠋ᠠᠷ᠎ᠤᠨ 19 ᠬᠣᠰᠢᠭᠤ ᠬᠣᠲᠠ ᠵᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠲᠠᠯ᠎ᠠ᠎ᠪᠠᠷ ᠢᠯᠡᠳᠲᠡ ᠠᠮᠵᠢᠯᠲᠠ ᠪᠦᠲᠦᠮᠵᠢ ᠣᠯᠵᠠᠶ; ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ᠎ᠨᠢ 2010 ᠣᠨ᠎ᠳᠤ 1112 ᠳ᠋ᠦᠩᠰᠢᠭᠤᠷ ᠲᠥᠭᠥᠷᠢᠭ ᠪᠠᠶ᠋ᠢᠭᠰᠠᠨ᠎ᠠᠴᠠ᠎ᠪᠠᠨ 2015 ᠣᠨ ᠪᠤᠯᠬᠤ᠎ᠳᠤ 1749 ᠳ᠋ᠦᠩᠰᠢᠭᠤᠷ ᠲᠥᠭᠥᠷᠢᠭ ᠪᠣᠯᠵᠤ ᠨᠡᠮᠡᠭᠳᠡᠨ᠂ ᠪᠥᠬᠥ ᠣᠷᠣᠨ᠎ᠤ ᠳᠣᠲᠣᠷ᠎ᠠ ᠡᠵᠡᠯᠡᠬᠦ ᠬᠤᠪᠢ ᠵᠢᠨ ᠵᠢᠩ᠎ᠨᠢ 9 % ᠪᠠᠢ᠌ᠭᠰᠠᠨ᠎ᠠᠴᠠ 9.71 % ᠪᠣᠯᠵᠤ ᠳᠡᠭᠡᠭᠰᠢᠯᠡᠪᠡ; ᠲᠣᠭᠲᠠᠮᠠᠯ ᠬᠦ᠍ᠷᠦᠩᠭᠡ ᠵᠢᠨ ᠪᠡᠯᠡ ᠣᠷᠣᠭᠤᠯᠤᠯᠲᠠ 969 ᠳ᠋ᠦᠩᠰᠢᠭᠤᠷ ᠲᠥᠭᠥᠷᠢᠭ ᠪᠠᠶ᠋ᠢᠭᠰᠠᠨ᠎ᠠᠴᠠ᠎ᠪᠠᠨ 1416.8 ᠳ᠋ᠦᠩᠰᠢᠭᠤᠷ ᠲᠥᠭᠥᠷᠢᠭ ᠪᠣᠯᠵᠤ ᠨᠡᠮᠡᠭᠳᠡᠭᠡᠳ᠂ ᠪᠥᠬᠥ ᠣᠷᠣᠨ᠎ᠤ ᠳᠣᠲᠣᠷ᠎ᠠ ᠡᠵᠡᠯᠡᠬᠦ ᠬᠤᠪᠢ ᠵᠢᠨ ᠵᠢᠩ᠎ᠨᠢ 10 % ᠪᠠᠢ᠌ᠭᠰᠠᠨ᠎ᠠᠴᠠ᠎ᠪᠠᠨ 10.25 % ᠪᠣᠯᠵᠤ ᠳᠡᠭᠡᠭᠰᠢᠯᠡᠪᠡ; ᠤᠯᠠᠨ ᠨᠡᠶ᠋ᠢᠲᠡ ᠵᠢᠨ ᠡᠳ᠋᠎ᠤᠨ ᠵᠠᠰᠠᠭ᠎ᠤᠨ ᠲᠥᠰᠦᠪ᠎ᠤᠨ ᠣᠷᠣᠯᠭ᠎ᠠ 62.26 ᠳ᠋ᠦᠩᠰᠢᠭᠤᠷ ᠲᠥᠭᠥᠷᠢᠭ ᠪᠠᠶ᠋ᠢᠭᠰᠠᠨ᠎ᠠᠴᠠ᠎ᠪᠠᠨ 118.12 ᠳ᠋ᠦᠩᠰᠢᠭᠤᠷ ᠲᠥᠭᠥᠷᠢᠭ ᠪᠣᠯᠵᠤ ᠨᠡᠮᠡᠭᠳᠡᠭᠡᠳ᠂ ᠪᠥᠬᠥ ᠣᠷᠣᠨ᠎ᠤ ᠳᠣᠲᠣᠷ᠎ᠠ ᠡᠵᠡᠯᠡᠬᠦ ᠬᠤᠪᠢ ᠵᠢᠨ ᠵᠢᠩ᠎ᠨᠢ 5.8 % ᠪᠠᠶ᠋ᠢᠭᠰᠠᠨ᠎ᠠᠴᠠ᠎ᠪᠠᠨ 6.02 % ᠪᠣᠯᠵᠤ ᠳᠡᠭᠡᠭᠰᠢᠯᠡᠪᠡ᠃ 2015 ᠣᠨ ᠪᠣᠯᠬᠤ᠎ᠳᠤ᠂ ᠬᠤᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠬᠥᠮᠦᠨ ᠪᠦᠷᠢ ᠵᠢᠨ ᠡᠵᠡᠮᠳᠡᠵᠦ ᠪᠣᠯᠬᠤ ᠣᠷᠣᠯᠭ᠎ᠠ ᠪᠣᠯᠤᠨ ᠮᠠᠯᠴᠢᠨ ᠲᠠᠷᠢᠶᠠᠴᠢᠨ᠎ᠤ ᠬᠥᠮᠦᠨ ᠪᠦᠷᠢ ᠵᠢᠨ ᠳᠤᠮᠳᠠᠴᠢ ᠴᠡᠪᠡᠷ ᠣᠷᠣᠯᠭ᠎ᠠ ᠲᠤᠰ ᠲᠤᠰ 27670 ᠲᠥᠭᠥᠷᠢᠭ ᠪᠠ 10867 ᠲᠥᠭᠥᠷᠢᠭ᠎ᠲᠤ ᠬᠦᠷᠪᠡ᠃ ᠬᠢᠯᠢ ᠬᠢᠵᠠᠭ᠋ᠠᠷ ᠣᠷᠣᠨ᠎ᠤ ᠰᠠᠭᠤᠷᠢ ᠪᠡᠯᠡᠳᠬᠡᠮᠵᠢ ᠵᠢᠨ ᠪᠦᠳᠦᠭᠡᠨ ᠪᠠᠶ᠋ᠢᠭᠤᠯᠤᠯᠲᠠ ᠴᠢᠩᠭ᠋ᠠᠷᠠᠵᠤ᠂ 2015 ᠣᠨ᠎ᠤ ᠡᠴᠦᠰ ᠪᠣᠯᠬᠤ᠎ᠳᠤ᠂ ᠬᠢᠯᠢ ᠬᠢᠵᠠᠭ᠋ᠠᠷ᠎ᠤᠨ ᠬᠣᠰᠢᠭᠤ ᠬᠣᠲᠠ ᠵᠢᠨ ᠵᠠᠰᠠᠮᠠᠯ ᠵᠠᠮ᠎ᠤᠨ ᠪᠦᠬᠦ ᠤᠷᠳᠤ᠎ᠨᠢ 4.05 ᠲᠦᠮᠡᠨ ᠺᠢᠯᠣᠮᠧᠲᠷ᠎ᠲᠤ ᠬᠦᠷᠴᠦ᠂ 13 ᠬᠣᠰᠢᠭᠤ ᠰᠢᠶᠠᠨ ᠬᠤᠳᠠ᠎ᠳᠤ ᠨᠢᠭᠡᠨᠲᠡ ᠲᠦᠷᠭᠡᠨ ᠬᠤᠷᠳᠤᠴᠠᠲᠤ ᠪᠤᠶᠤ ᠨᠢᠭᠡᠳᠦᠭᠡᠷ ᠳᠡᠰ᠎ᠤᠨ ᠵᠠᠰᠠᠮᠠᠯ ᠵᠠᠮ ᠨᠡᠪᠲᠡᠷᠡᠪᠡ᠃ 138 ᠰᠤᠮᠤ ᠰᠢᠶᠠᠩ ᠪᠠᠯᠭ᠋ᠠᠰᠤᠨ᠎ᠳᠤ ᠪᠦᠬᠦᠨ ᠵᠶ᠋ᠡᠷ ᠵᠶ᠋ᠡᠨ ᠪᠠᠷᠤᠭᠰᠢᠨ ᠱᠦᠢ᠍ᠨᠢ ᠵᠠᠮ ᠨᠡᠪᠲᠡᠷᠡᠵᠦ᠂ 1179 ᠭᠠᠴᠠᠭ᠎ᠠ ᠲᠣᠰᠬᠣᠨ᠎ᠤ 784᠎ᠳᠤᠨᠢ ᠪᠠᠷᠤᠭᠰᠢᠨ ᠱᠦᠢ᠍ᠨᠢ ᠵᠠᠮ ᠨᠡᠪᠲᠡᠷᠡᠵᠦ᠂ 1017 ᠭᠠᠴᠠᠭ᠎ᠠ ᠲᠣᠰᠬᠣᠨ᠎ᠤ ᠵᠡᠭᠡᠯᠢ ᠭᠤᠳᠤᠮ᠎ᠤᠨ ᠬᠠᠲᠠᠭᠤᠷᠠᠭᠤᠯᠤᠯ᠎ᠢ ᠪᠡᠶᠡᠯᠡᠭᠦᠯᠵᠦ᠂ ᠬᠠᠲᠠᠭᠤᠷᠠᠭᠤᠯᠤᠯ᠎ᠤᠨ ᠨᠤᠷᠮ᠎ᠠ᠎ᠨᠢ 86.3% ᠪᠣᠯᠪᠠ᠃
      ᠴᠠᠬᠢᠯᠭ᠋ᠠᠨ ᠬᠦᠴᠦ ᠮᠡᠳᠡᠭᠡ ᠬᠣᠯᠪᠣᠭ᠋ᠠᠨ᠎ᠤ ᠲᠠᠯ᠎ᠠ᠎ᠪᠠᠷ᠂ ᠬᠢᠯᠢ ᠬᠢᠵᠠᠭ᠋ᠠᠷ᠎ᠤᠨ ᠬᠣᠰᠢᠭᠤ ᠰᠢᠶᠠᠨ ᠬᠤᠳᠠ ᠨᠢᠭᠡᠪᠦᠷᠢ 220 ᠺᠢᠯᠤᠸᠤᠯᠲ᠎ᠤᠨ ᠬᠦᠴᠦᠳᠡᠯ ᠥᠭᠡᠷᠡᠴᠢᠯᠡᠬᠦ ᠦᠷᠲᠡᠭᠡ ᠵᠢ ᠠᠯᠢ ᠴᠥᠭᠡᠨ᠎ᠳᠡᠭᠡᠨ ᠨᠢᠭᠡ ᠵᠢ ᠪᠠᠢ᠌ᠭᠤᠯᠵᠤ᠂ 110 ᠺᠢᠯᠤᠸᠤᠯᠲ ᠵᠢᠴᠢ ᠲᠡᠭᠦᠨ᠎ᠠᠴᠠ ᠳᠣᠷᠣᠭᠰᠢᠬᠢ ᠴᠠᠬᠢᠯᠭ᠋ᠠᠨ ᠲᠦᠭᠡᠭᠡᠬᠦ ᠲᠣᠣᠷ᠎ᠢ ᠡᠯ᠎ᠡ ᠵᠠᠰᠠᠭ ᠵᠠᠬᠢᠷᠭ᠋ᠠᠨ᠎ᠤ ᠲᠣᠰᠬᠣᠨ (ᠭᠠᠴᠠᠭ᠎ᠠ)᠎ᠳᠤ ᠬᠦᠷᠲᠡᠯ᠎ᠡ ᠨᠡᠪᠲᠡᠷᠡᠭᠦᠯᠪᠡ᠃ ᠬᠠᠷᠢᠶ᠎ᠠ ᠪᠦᠬᠦᠢ ᠰᠤᠮᠤ ᠰᠢᠶᠠᠩ ᠪᠠᠯᠭ᠋ᠠᠰᠤ ᠵᠢᠨ ᠪᠦᠬᠦᠨ᠎ᠳᠤᠨᠢ ᠴᠠᠬᠢᠯᠭ᠋ᠠᠨ ᠨᠡᠪᠲᠡᠷᠡᠵᠦ᠂ ᠡᠷᠦᠬᠡ ᠪᠣᠯᠭ᠋ᠠᠨ᠎ᠳᠤ ᠴᠠᠬᠢᠯᠭ᠋ᠠᠨ ᠨᠡᠪᠲᠡᠷᠡᠭᠦᠯᠬᠦ ᠵᠢ ᠦᠨᠳᠦᠰᠦᠨ᠎ᠳᠡᠭᠡᠨ ᠪᠡᠶᠡᠯᠡᠭᠦᠯᠪᠡ᠃ ᠰᠢᠦᠳᠠᠨ ᠬᠣᠯᠪᠣᠭ᠋ᠠᠨ᠎ᠤ ᠲᠣᠣᠷ ᠰᠦᠯᠵᠢᠶ᠎ᠡ ᠪᠦᠬᠦ ᠰᠤᠮᠤ ᠰᠢᠶᠠᠩ ᠪᠠᠯᠭ᠋ᠠᠰᠤ᠎ᠳᠤ ᠪᠦᠷᠢᠨ ᠪᠦᠷᠬᠦᠵᠦ᠂ ᠣᠯᠠᠩᠬᠢ ᠭᠠᠴᠠᠭ᠎ᠠ ᠲᠣᠰᠬᠣᠨ᠎ᠳᠤ ᠲᠣᠭᠲᠠᠮᠠᠯ ᠳ᠋ᠢᠶᠠᠩᠬᠤᠸᠠ ᠨᠡᠪᠲᠡᠷᠡᠪᠡ᠃ ᠰᠢᠯᠵᠢᠮᠡᠯ ᠤᠲᠠᠰᠤ ᠵᠢᠨ ᠬᠡᠷᠡᠭᠯᠡᠭᠴᠢ᠂ ᠤᠯᠠᠨ ᠤᠯᠤᠰ᠎ᠤᠨ ᠢᠨᠲᠸᠷ ᠰᠦᠯᠵᠢᠶᠡᠨ᠎ᠤ ᠬᠡᠷᠡᠭᠯᠡᠭᠴᠢ ᠶᠡᠬᠡ᠎ᠪᠠᠷ ᠨᠡᠮᠡᠭᠳᠡᠪᠡ᠃ ᠬᠢᠯᠢ ᠬᠢᠵᠠᠭ᠋ᠠᠷ᠎ᠤᠨ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠮᠡᠳᠡᠭᠳᠡᠬᠦᠶ᠋ᠢᠴᠡ ᠳᠡᠭᠡᠭᠰᠢᠯᠡᠪᠡ᠃ ᠬᠢᠯᠢ ᠬᠢᠵᠠᠭ᠋ᠠᠷ᠎ᠤᠨ ᠬᠣᠰᠢᠭᠤ ᠬᠣᠲᠠ᠎ᠨᠤᠭᠤᠳ ᠶᠠᠳᠠᠭᠤ ᠬᠦᠴᠢᠷᠳᠡᠯᠲᠡᠶ ᠬᠥᠮᠦᠨ ᠠᠮᠠ ᠶᠡᠬᠡ᠎ᠪᠠᠷ ᠴᠥᠭᠡᠷᠡᠪᠡ᠃ 《12·5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠬᠢᠯᠢ ᠬᠢᠵᠠᠭ᠋ᠠᠷ᠎ᠤᠨ ᠬᠣᠰᠢᠭᠤ ᠬᠣᠲᠠ ᠵᠢᠨ ᠮᠠᠯᠵᠢᠬᠤ ᠲᠠᠷᠢᠶᠠᠯᠠᠬᠤ ᠣᠷᠣᠨ᠎ᠤ 6.8 ᠲᠦᠮᠡᠨ ᠡᠷᠦᠬᠡ ᠵᠢᠨ ᠨᠤᠷᠠᠬᠤ ᠠᠶᠤᠯᠲᠠᠶ ᠭᠡᠷ ᠪᠠᠶ᠋ᠢᠰᠢᠩ᠎ᠢ ᠥᠭᠡᠷᠡᠴᠢᠯᠡᠬᠦ ᠡᠭᠦᠷᠭᠡ ᠵᠢ ᠪᠡᠶᠡᠯᠡᠭᠦᠯᠵᠦ᠂ ᠤᠯᠤᠰ᠎ᠤᠨ ᠲᠤᠰᠠᠯᠠᠮᠵᠢ ᠵᠢᠨ ᠪᠡᠯᠡ ᠮᠥᠩᠭᠥ ᠵᠢ 6.1 ᠳ᠋ᠦᠩᠰᠢᠭᠤᠷ ᠲᠥᠭᠥᠷᠢᠭ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠲᠤᠰᠠᠯᠠᠮᠵᠢ ᠵᠢᠨ ᠪᠡᠯᠡ ᠮᠥᠩᠭᠥ ᠵᠢ 5.8 ᠳ᠋ᠦᠩᠰᠢᠭᠤᠷ ᠲᠥᠭᠥᠷᠢᠭ ᠪᠠᠭᠤᠯᠭ᠋ᠠᠵᠤ᠂ ᠶᠡᠷᠦᠩᠬᠡᠶ ᠪᠡᠯᠡ ᠣᠷᠣᠭᠤᠯᠤᠯᠲᠠ ᠵᠢ ᠪᠠᠷᠤᠭ 40 ᠳ᠋ᠦᠩᠰᠢᠭᠤᠷ ᠲᠥᠭᠥᠷᠢᠭ ᠪᠡᠶᠡᠯᠡᠭᠦᠯᠪᠡ᠃ 《12·5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠬᠢᠯᠢ ᠬᠢᠵᠠᠭ᠋ᠠᠷ᠎ᠤᠨ ᠬᠣᠰᠢᠭᠤ ᠬᠤᠳᠠ ᠵᠢᠨ ᠵᠢᠵᠢᠭ ᠬᠣᠲᠠ ᠪᠠᠯᠭ᠋ᠠᠰᠤᠨ᠎ᠤ ᠪᠦᠲᠦᠭᠡᠨ ᠪᠠᠶ᠋ᠢᠭᠤᠯᠤᠯᠲᠠ ᠵᠢᠨ 《ᠱᠠᠩᠨᠠᠯ ᠵᠶ᠋ᠠᠷ ᠨᠥᠬᠥᠪᠥᠷᠢ ᠵᠢ ᠣᠷᠣᠯᠠᠭᠤᠯᠬᠤ》 ᠪᠡᠯᠡ ᠮᠥᠩᠭᠥ ᠵᠢ 1620 ᠲᠦᠮᠡᠨ ᠲᠥᠭᠥᠷᠢᠭ ᠲᠣᠬᠢᠷᠠᠭᠤᠯᠪᠠ᠃ ᠨᠡᠶ᠋ᠢᠭᠡᠮ᠎ᠤᠨ ᠦᠢ᠍ᠯᠡᠰ᠎ᠤᠨ ᠬᠥᠭᠵᠢᠯᠲᠡ ᠶᠡᠬᠡᠪᠡᠷ ᠲᠠᠪᠰᠢᠪᠠ᠃ ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ᠂ ᠰᠣᠶᠣᠯ᠎ᠤᠨ ᠦᠢ᠍ᠯᠡᠰ᠎ᠤᠨ ᠬᠥᠭᠵᠢᠯᠲᠡ ᠵᠢᠨ ᠬᠢᠷᠢ ᠬᠡᠮᠵᠢᠶ᠎ᠡ ᠪᠦᠬᠦ ᠲᠠᠯ᠎ᠠ᠎ᠪᠠᠷ ᠳᠡᠭᠡᠭᠰᠢᠯᠡᠵᠦ᠂ ᠬᠢᠯᠢ ᠬᠢᠵᠠᠭ᠋ᠠᠷ᠎ᠤᠨ ᠠᠷᠠᠳ᠎ᠤᠨ ᠰᠤᠷᠭ᠋ᠠᠭᠤᠯᠢ᠎ᠳᠤ ᠣᠷᠣᠬᠤ᠎ᠳᠤ ᠬᠦᠴᠢᠷᠲᠡᠢ᠂ ᠡᠪᠡᠳᠴᠢᠨ ᠦᠵᠡᠭᠦᠯᠬᠦ᠎ᠳᠤ ᠬᠦᠴᠢᠷᠲᠡᠶ ᠪᠠᠢ᠌ᠭᠰᠠᠨ ᠠᠰᠠᠭᠤᠳᠠᠯ᠎ᠢ ᠦᠨᠳᠦᠰᠦᠨ᠎ᠳᠡᠭᠡᠨ ᠰᠢᠢ᠍ᠳᠪᠦᠷᠢᠯᠡᠵᠦ᠂ ᠰᠣᠶᠣᠯ᠎ᠤᠨ ᠬᠡᠷᠡᠭᠴᠡᠭᠡ ᠵᠢ ᠦᠨᠳᠦᠰᠦᠨ᠎ᠳᠡᠭᠡᠨ ᠬᠠᠩᠭ᠋ᠠᠪᠠ᠃ ᠰᠤᠷᠭ᠋ᠠᠨ ᠬᠥᠮᠦᠵᠢᠯ᠎ᠤᠨ ᠲᠠᠯ᠎ᠠ᠎ᠪᠠᠷ᠂ ᠬᠢᠯᠢ ᠬᠢᠵᠠᠭ᠋ᠠᠷ᠎ᠤᠨ ᠬᠣᠰᠢᠭᠤ ᠬᠣᠲᠠ ᠵᠢᠨ ᠰᠤᠷᠭ᠋ᠠᠨ ᠬᠥᠮᠦᠵᠢᠯ᠎ᠤᠨ ᠦᠢ᠍ᠯᠡᠰ ᠡᠩ ᠲᠡᠷᠢᠭᠦᠨ᠎ᠳᠤ ᠭᠣᠣᠯᠳᠠᠯᠭ᠎ᠠ᠎ᠲᠠᠢ ᠬᠥᠭᠵᠢᠪᠡ᠃ ᠬᠢᠯᠢ ᠬᠢᠵᠠᠭ᠋ᠠᠷ᠎ᠤᠨ ᠬᠣᠰᠢᠭᠤ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠢ᠌ᠷᠢ ᠵᠢᠨ ᠪᠥᠳᠥᠭᠡᠨ ᠪᠠᠶ᠋ᠢᠭᠤᠯᠤᠯᠲᠠ ᠵᠢ ᠴᠢᠩᠭ᠋ᠠᠳᠬᠠᠪᠠ; ᠬᠢᠯᠢ ᠬᠢᠵᠠᠭ᠋ᠠᠷ᠎ᠤᠨ ᠬᠣᠰᠢᠭᠤ ᠬᠣᠲᠠ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠪᠥᠬᠥᠨ᠎ᠢ ᠮᠠᠯᠵᠢᠬᠤ ᠲᠠᠷᠢᠶᠠᠯᠠᠬᠤ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠢ ᠪᠠᠲᠤᠯᠠᠬᠤ ᠲᠣᠭᠲᠠᠴᠠ ᠵᠢᠨ ᠥᠭᠡᠷᠡᠴᠢᠯᠡᠯᠲᠡ ᠵᠢ ᠬᠡᠷᠡᠭᠵᠢᠭᠦᠯᠬᠦ ᠬᠦᠷᠢᠶ᠎ᠡ ᠬᠡᠪᠴᠢᠶ᠎ᠡ᠎ᠳᠤ ᠣᠷᠣᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠭᠡᠷ ᠪᠦᠯᠢ ᠵᠢᠨ ᠠᠵᠤ ᠠᠮᠢᠳᠤᠷᠠᠯ᠎ᠨᠢ ᠬᠦᠴᠢᠷᠳᠡᠯ᠎ᠲᠠᠢ ᠪᠠᠶ᠋ᠢᠷᠢ᠎ᠳᠤ ᠰᠠᠭᠤᠬᠤ ᠰᠤᠷᠤᠭᠴᠢᠳ᠎ᠲᠤ ᠠᠮᠢᠳᠤᠷᠠᠯ᠎ᠤᠨ ᠵᠠᠷᠤᠳᠠᠯ᠎ᠤᠨ ᠨᠥᠬᠥᠪᠥᠷᠢ ᠥᠭᠬᠦ ᠲᠦᠷᠦ ᠵᠢᠨ ᠪᠤᠳᠤᠯᠭ᠎ᠠ ᠵᠢᠨ ᠬᠠᠷᠠᠭ᠋ᠠᠯᠵᠠᠯ ᠬᠦᠷᠲᠡᠭᠡᠵᠦ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠳᠤ 《ᠬᠣᠶᠠᠷ᠎ᠢ ᠬᠡᠯᠲᠦᠷᠢᠭᠦᠯᠬᠦ》 ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠪᠡ᠃
      ᠰᠣᠶᠣᠯ᠎ᠤᠨ ᠲᠠᠯ᠎ᠠ᠎ᠪᠠᠷ᠂ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠠᠭᠤᠷᠢ ᠪᠡᠯᠡᠳᠬᠡᠮᠵᠢ ᠡᠳᠦᠷ ᠢᠷᠡᠬᠦᠶ᠎ᠡ ᠪᠦᠷᠢᠨᠰᠢᠨ᠂ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ᠂ ᠠᠳᠠᠯᠢ ᠲᠡᠭᠰᠢ ᠪᠣᠯᠭ᠋ᠠᠬᠤ ᠵᠢ ᠯᠠᠪᠳᠠᠭᠤᠨ ᠵᠶ᠋ᠠᠷ ᠲᠦᠯᠬᠢᠨ ᠠᠬᠢᠭᠤᠯᠪᠠ᠃ ᠬᠢᠯᠢ ᠳᠠᠭ᠋ᠠᠤ ᠨᠡᠭᠡᠭᠡᠨ ᠬᠥᠭᠵᠢᠭᠦᠯᠵᠦ ᠨᠡᠭᠡᠭᠡᠯᠳᠡ ᠬᠢᠬᠦ ᠬᠢᠷᠢ ᠬᠡᠮᠵᠢᠶ᠎ᠡ ᠵᠢ ᠢᠯᠡᠳᠲᠡ ᠳᠡᠭᠡᠭᠰᠢᠯᠡᠭᠦᠯᠪᠡ᠃ ᠮᠠᠨ᠎ᠤ ᠣᠷᠣᠨ᠎ᠳᠤ ᠤᠳᠤ ᠬᠢᠯᠢ ᠬᠢᠵᠠᠭ᠋ᠠᠷ ᠣᠷᠣᠨ᠎ᠤ ᠲᠡᠮᠦᠷ ᠵᠠᠮ᠎ᠤᠨ ᠪᠣᠭᠣᠮᠲᠠ 2᠂ ᠬᠢᠯᠢ ᠵᠢᠨ ᠵᠠᠰᠠᠮᠠᠯ ᠵᠠᠮ᠎ᠤᠨ ᠪᠣᠭᠣᠮᠲᠠ 11 ᠪᠠᠶ᠋ᠢᠵᠤ᠂ ᠡᠭᠦᠨ᠎ᠳᠤ ᠣᠷᠣᠰ᠎ᠲᠤ ᠬᠠᠨᠳᠤᠭᠰᠠᠨ ᠬᠢᠯᠢ᠎ᠤᠨ ᠪᠣᠭᠣᠮᠲᠠ 4᠂ ᠮᠣᠩᠭᠣᠯ᠎ᠳᠤ ᠬᠠᠨᠳᠤᠭᠰᠠᠨ ᠬᠢᠯᠢ ᠵᠢᠨ ᠪᠣᠭᠣᠮᠲᠠ 9 ᠪᠠᠶ᠋ᠢᠵᠤ᠂ ᠳᠤᠮᠳᠠᠳᠤ ᠣᠷᠣᠰ᠎ᠤᠨ ᠬᠠᠭᠤᠷᠠᠶ ᠵᠠᠮ᠎ᠤᠨ ᠡᠳ᠋ ᠪᠠᠷᠠᠭ᠎ᠠ ᠵᠢᠨ ᠲᠡᠭᠡᠭᠡᠪᠦᠷᠢᠯᠡᠯᠲᠡ ᠵᠢᠨ ᠶᠡᠷᠦᠩᠬᠡᠶ ᠬᠡᠮᠵᠢᠶ᠎ᠡ ᠵᠢᠨ 65% ᠪᠠ ᠳᠤᠮᠳᠠᠳᠤ ᠮᠣᠩᠭᠣᠯ᠎ᠤᠨ ᠬᠣᠭᠣᠷᠣᠨᠳᠣᠬᠢ ᠪᠠᠷᠠᠭ᠎ᠠ ᠲᠡᠭᠡᠭᠡᠪᠦᠷᠢᠯᠡᠯᠲᠡ ᠵᠢᠨ ᠶᠡᠷᠦᠩᠬᠡᠶ ᠬᠡᠮᠵᠢᠶ᠎ᠡ ᠵᠢᠨ 95% ᠵᠢ ᠲᠤᠰ ᠲᠤᠰ ᠡᠭᠦᠷᠭᠡᠯᠡᠵᠦ᠂ ᠮᠠᠨᠵᠤᠤᠷ ᠪᠣᠯᠣᠨ ᠡᠷᠢᠶᠡᠨ ᠬᠣᠲᠠ᠎ᠨᠢ ᠮᠠᠨ᠎ᠤ ᠤᠯᠤᠰ᠎ᠤᠨ ᠣᠷᠣᠰ ᠪᠠ ᠮᠣᠩᠭᠣᠯ᠎ᠳᠤ ᠬᠠᠨᠳᠤᠭᠰᠠᠨ ᠬᠠᠮᠤᠭ᠎ᠤᠨ ᠶᠡᠬᠡ ᠪᠣᠭᠣᠮᠲᠠ ᠪᠣᠯᠪᠠ᠃ ᠠᠮᠢ ᠠᠬᠤᠶ ᠵᠢᠨ ᠣᠷᠴᠢᠨ ᠲᠤᠭᠤᠷᠢᠨ᠎ᠤ ᠬᠠᠮᠠᠭ᠋ᠠᠯᠠᠯᠲᠠ ᠪᠣᠯᠤᠨ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠪᠠ᠃ ᠡᠯ᠎ᠡ ᠱᠠᠲᠤᠨ᠎ᠤ ᠡᠳ᠋᠎ᠤᠨ ᠵᠠᠰᠠᠭ ᠪᠡᠯᠡ ᠮᠥᠩᠭᠥᠨ᠎ᠤ ᠣᠷᠣᠭᠤᠯᠤᠯᠲᠠ ᠵᠢᠨ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠬᠢᠯᠢ ᠬᠢᠵᠠᠭ᠋ᠠᠷ᠎ᠤᠨ ᠡᠯ᠎ᠡ ᠬᠣᠰᠢᠭᠤ ᠬᠤᠳᠠ᠎ᠨᠢ ᠲᠤᠰᠬᠠᠶ ᠪᠡᠯᠡ ᠮᠥᠩᠭᠥ ᠵᠢᠨ ᠬᠥᠲᠥᠯᠥᠨ ᠵᠢᠯᠣᠭᠣᠳᠤᠯᠭ᠎ᠠ ᠳᠣᠣᠷ᠎ᠠ᠂ 《ᠲᠠᠪᠤᠨ ᠶᠡᠬᠡ ᠰᠠᠭᠤᠷᠢᠨ ᠭᠠᠵᠠᠷ᠎ᠤᠨ ᠪᠥᠳᠥᠭᠡᠨ ᠪᠠᠶ᠋ᠢᠭᠤᠯᠤᠯᠲᠠ》᠂ ᠮᠠᠯᠵᠢᠬᠤ ᠲᠠᠷᠢᠶᠠᠯᠠᠬᠤ ᠣᠷᠣᠨ᠎ᠤ 《ᠠᠷᠪᠠ ᠵᠢ ᠪᠦᠷᠢᠨ ᠪᠦᠷᠬᠦᠭᠦᠯᠬᠦ》 ᠢᠨᠵᠧᠨᠧᠷᠢᠩ᠂ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠵᠡᠷᠭᠡ ᠲᠥᠷᠥᠯ ᠵᠦᠢ᠍ᠯ᠎ᠤᠨ ᠪᠥᠳᠥᠭᠡᠨ ᠪᠠᠶ᠋ᠢᠭᠤᠯᠤᠯᠲᠠ᠎ᠲᠠᠢ ᠤᠶᠠᠯᠳᠤᠭᠤᠯᠤᠨ᠂ ᠡᠳ᠋᠎ᠤᠨ ᠵᠠᠰᠠᠭ᠎ᠤᠨ ᠣᠷᠣᠭᠤᠯᠬᠤ᠂ ᠨᠡᠶ᠋ᠢᠭᠡᠮ᠎ᠠᠴᠠ ᠪᠡᠯᠡ ᠲᠣᠬᠢᠷᠠᠭᠤᠯᠬᠤ᠂ ᠤᠯᠠᠨ ᠲᠦᠮᠡᠨ ᠥᠪᠡᠷ᠎ᠲᠡᠭᠡᠨ ᠪᠡᠯᠡᠳᠬᠡᠬᠦ ᠵᠡᠷᠭᠡ ᠤᠯᠠᠨ ᠵᠦᠢ᠍ᠯ᠎ᠤᠨ ᠠᠷᠭ᠎ᠠ ᠵᠠᠮ ᠵᠶ᠋ᠠᠷ ᠨᠢᠭᠡ ᠪᠦᠯᠦᠭ ᠲᠥᠷᠥᠯ ᠵᠦᠢ᠍ᠯ᠎ᠢ ᠲᠥᠪᠯᠡᠷᠡᠭᠦᠯᠦᠨ ᠪᠠᠷᠢᠯᠳᠤᠭᠤᠯᠤᠨ ᠬᠡᠷᠡᠭᠯᠡᠬᠦ ᠵᠢ ᠬᠡᠷᠡᠭᠵᠢᠭᠦᠯᠵᠦ᠂ ᠬᠢᠯᠢ ᠬᠢᠵᠠᠭ᠋ᠠᠷ ᠣᠷᠣᠨ᠎ᠤ ᠠᠵᠤ ᠠᠬᠤᠶ ᠨᠡᠶ᠋ᠢᠭᠡᠮ᠎ᠤᠨ ᠴᠢᠨᠠᠷᠲᠠᠢ ᠪᠥᠭᠡᠳ ᠲᠦᠷᠭᠡᠨ ᠬᠥᠭᠵᠢᠯᠲᠡ ᠵᠢ ᠬᠦᠴᠦᠲᠡᠶ ᠠᠬᠢᠭᠤᠯᠪᠠ᠃ ᠦᠨᠳᠦᠰᠦᠲᠡᠨ᠎ᠤ ᠪᠦᠯᠬᠦᠮᠳᠡᠯ᠂ ᠬᠢᠯᠢ ᠬᠢᠵᠠᠭ᠋ᠠᠷ᠎ᠤᠨ ᠪᠡᠬᠢᠵᠢᠯ᠂ ᠡᠶᠡᠯᠳᠡᠭ ᠬᠥᠷᠰᠢ ᠵᠢᠨ ᠨᠥᠬᠥᠷᠰᠡᠭ ᠪᠠᠶ᠋ᠢᠳᠠᠯ᠎ᠢ ᠪᠡᠬᠢᠵᠢᠭᠦᠯᠦᠨ ᠴᠢᠩᠭ᠋ᠠᠳᠬᠠᠪᠠ᠃
      ᠬᠥᠲᠥᠯᠥᠭᠴᠢ᠄
      ᠣᠳᠣᠬᠠᠨ᠎ᠳᠤ᠂ ᠮᠠᠨ᠎ᠤ ᠤᠷᠤᠨ᠎ᠤ ᠬᠢᠯᠢ ᠬᠢᠵᠠᠭ᠋ᠠᠷ ᠣᠷᠣᠨ᠎ᠳᠤ ᠪᠠᠰᠠ ᠶᠠᠮᠠᠷ ᠶᠠᠮᠠᠷ ᠬᠦᠴᠢᠷ ᠪᠡᠷᠬᠡᠰᠢᠶᠡᠯ ᠲᠤᠯᠭ᠋ᠠᠷᠠᠵᠤ ᠪᠠᠶ᠋ᠢᠬᠤ ᠪᠤᠢ?
      ᠮᠸᠩ ᡁᠢ ᠵᠢᠶᠦ᠋ᠨ᠄
      ᠬᠢᠯᠢ ᠬᠢᠵᠠᠭ᠋ᠠᠷ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ 《12·5》 ᠵᠢᠨ ᠲᠥᠯᠥᠪᠵᠢᠭᠦᠯᠭᠡ ᠵᠢ ᠬᠡᠷᠡᠭᠵᠢᠭᠦᠯᠦᠭᠰᠡᠨ᠎ᠠᠴᠠ ᠨᠠᠰᠢ ᠢᠯᠡᠳᠲᠡ ᠠᠮᠵᠢᠯᠲᠠ ᠪᠦᠲᠦᠮᠵᠢ ᠣᠯᠵᠤ᠂ ᠮᠠᠨ᠎ᠤ ᠤᠷᠤᠨ᠎ᠤ ᠬᠢᠯᠢ ᠬᠢᠵᠠᠭ᠋ᠠᠷ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠪᠣᠳᠠᠲᠤ ᠠᠰᠢᠭ ᠬᠦᠷᠲᠡᠭᠡᠨ᠂ ᠬᠢᠯᠢ ᠬᠢᠵᠠᠭ᠋ᠠᠷ ᠣᠷᠣᠨ ᠬᠥᠭᠵᠢᠯᠲᠡ ᠵᠢᠨ ᠲᠥᠷᠭᠡᠨ ᠵᠠᠮ᠎ᠳᠠᠭᠠᠨ ᠤᠷᠤᠵᠤ᠂ ᠬᠢᠯᠢ ᠬᠢᠵᠠᠭ᠋ᠠᠷ ᠤᠷᠤᠨ᠎ᠢ ᠲᠣᠭᠲᠠᠪᠤᠷᠢᠵᠢᠭᠤᠯᠤᠨ ᠪᠡᠬᠢᠵᠢᠭᠦᠯᠬᠦ᠂ ᠠᠷᠠᠳ᠎ᠢ ᠪᠠᠶᠠᠵᠢᠭᠤᠯᠤᠨ᠂ ᠠᠷᠠᠳ᠎ᠲᠤ ᠠᠰᠢᠭ ᠬᠦᠷᠲᠡᠭᠡᠬᠦ᠎ᠳᠤ ᠴᠢᠬᠤᠯᠠ ᠦᠢ᠍ᠯᠡᠳᠦᠯ ᠦᠵᠡᠭᠦᠯᠪᠡ᠃ ᠬᠡᠯᠡᠯᠭᠡᠨ ᠦᠭᠡᠢ᠂ ᠪᠢᠳᠡ ᠠᠮᠵᠢᠯᠲᠠ᠎ᠪᠠᠨ ᠣᠯᠵᠤ ᠬᠠᠷᠠᠬᠤ ᠵᠢᠨ ᠬᠠᠮᠲᠤ ᠪᠠᠰᠠ ᠣᠳᠣᠬᠠᠨ᠎ᠳᠤ ᠬᠢᠯᠢ ᠬᠢᠵᠠᠭ᠋ᠠᠷ᠎ᠤᠨ ᠬᠣᠰᠢᠭᠤ ᠬᠤᠳᠠ ᠵᠢ ᠲᠦᠷᠭᠡᠳᠬᠡᠨ ᠬᠦᠭᠵᠢᠭᠦᠯᠬᠦ᠎ᠳᠤ ᠲᠤᠯᠭ᠋ᠠᠷᠠᠵᠤ ᠪᠠᠶ᠋ᠢᠭ᠎ᠠ ᠠᠰᠠᠭᠤᠳᠠᠯ ᠪᠠ ᠬᠦᠴᠢᠷᠳᠡᠯ ᠮᠦᠨᠬᠦ ᠨᠡᠯᠢᠶᠡᠳ ᠲᠤᠪᠤᠢ᠍ᠢ᠍ᠮ᠎ᠠ ᠪᠠᠢ᠌ᠬᠤ ᠵᠢ ᠰᠡᠷᠭᠡᠭ ᠵᠶ᠋ᠠᠷ ᠲᠠᠨᠢᠬᠤ ᠬᠡᠷᠡᠭᠲᠡᠢ ᠶᠤᠮ᠃ ᠨᠢᠭᠡ᠎ᠳᠤ᠂ ᠮᠠᠨ᠎ᠤ ᠤᠷᠤᠨ᠎ᠤ ᠬᠢᠯᠢ ᠬᠢᠵᠠᠭ᠋ᠠᠷ ᠣᠷᠣᠨ᠎ᠢ ᠶᠡᠬᠡ ᠬᠡᠪᠴᠢᠶ᠎ᠡ᠎ᠪᠠᠷ ᠨᠡᠭᠡᠭᠡᠨ ᠬᠥᠭᠵᠢᠭᠦᠯᠵᠦ ᠪᠦᠳᠦᠭᠡᠨ ᠪᠠᠢ᠌ᠭᠤᠯᠤᠭᠰᠠᠨ ᠡᠬᠢᠯᠡᠯᠲᠡ᠎ᠨᠢ ᠨᠡᠯᠢᠶᠡᠳ ᠤᠷᠤᠢ᠂ ᠤᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠲᠠᠢ ᠨᠢᠭᠲᠠ ᠬᠣᠯᠪᠣᠭᠳᠠᠭᠰᠠᠨ ᠵᠠᠷᠢᠮ ᠤᠰᠤ᠂ ᠴᠠᠬᠢᠯᠭ᠋ᠠᠨ᠂ ᠵᠠᠮ᠂ ᠬᠡᠢ (ᠨᠠᠮᠤᠭ᠎ᠤᠨ ᠬᠡᠢ) ᠵᠡᠷᠭᠡ ᠤᠯᠠᠨ ᠨᠡᠶ᠋ᠢᠲᠡ ᠵᠢᠨ ᠰᠠᠭᠤᠷᠢ ᠪᠡᠯᠡᠳᠬᠡᠮᠵᠢ ᠵᠢᠨ ᠪᠠᠶ᠋ᠢᠭᠤᠯᠤᠯᠲᠠ᠎ᠨᠢ ᠨᠡᠯᠢᠶᠡᠳ ᠪᠠᠭᠤᠷᠠᠶ ᠪᠠᠢ᠌ᠬᠤ ᠲᠡᠬᠢᠪᠡᠯ ᠪᠠᠰᠠ ᠨᠡᠯᠢᠶᠡᠳ ᠶᠡᠬᠡ ᠪᠥᠯᠥᠭ ᠬᠥᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠰᠢᠢ᠍ᠳᠪᠦᠷᠢᠯᠡᠭᠡᠳᠦᠢ᠂ 527 ᠭᠠᠴᠠᠭ᠎ᠠ ᠲᠣᠰᠬᠣᠨ᠎ᠳᠤ ᠪᠠᠷᠤᠭᠰᠢᠨ ᠱᠦᠢ᠍ᠨᠢ ᠵᠠᠮ ᠨᠡᠪᠲᠡᠷᠡᠭᠡᠳᠦᠢ᠂ ᠵᠠᠷᠢᠮ ᠬᠢᠯᠢ ᠬᠢᠵᠠᠭ᠋ᠠᠷ᠎ᠤᠨ ᠮᠠᠯᠵᠢᠬᠤ ᠲᠠᠷᠢᠶᠠᠯᠠᠬᠤ ᠣᠷᠣᠨ᠎ᠤ ᠣᠷᠣᠨ ᠰᠠᠭᠤᠴᠠ ᠵᠢᠨ ᠨᠥᠬᠥᠴᠡᠯ᠎ᠨᠢ ᠠᠨᠠᠶ᠂ ᠠᠮᠢᠳᠤᠷᠠᠯ᠎ᠤᠨ ᠪᠡᠯᠡᠳᠬᠡᠮᠵᠢ᠎ᠨᠢ ᠪᠦᠳᠦᠭᠦᠯᠢᠭ ᠪᠠᠢ᠌ᠵᠤ᠂ ᠴᠢᠨᠡᠭᠡᠯᠢᠭ ᠨᠡᠢ᠌ᠭᠡᠮ᠎ᠤᠨ ᠪᠠᠷᠢᠮᠵᠢᠶᠠᠨ᠎ᠳᠤ ᠬᠦᠷᠲᠡᠯ᠎ᠡ ᠪᠠᠰᠠ ᠮᠠᠰᠢ ᠶᠡᠬᠡ ᠵᠥᠷᠢᠶ᠎ᠡ᠎ᠲᠠᠢ ᠪᠠᠶ᠋ᠢᠨ᠎ᠠ᠃ ᠬᠣᠶᠠᠷ᠎ᠲᠤ ᠬᠢᠯᠢ ᠵᠢᠨ 19 ᠬᠣᠰᠢᠭᠤ ᠬᠣᠲᠠ ᠵᠢᠨ ᠳᠣᠲᠣᠷᠠᠬᠢ 14᠎ᠨᠢ ᠮᠠᠯ ᠠᠵᠤ ᠠᠬᠤᠢ᠎ᠪᠠᠷ ᠭᠣᠣᠯ ᠪᠣᠯᠭ᠋ᠠᠵᠤ᠂ ᠭᠠᠵᠠᠷ ᠨᠤᠲᠤᠭ᠎ᠨᠢ ᠪᠦᠬᠦ ᠣᠷᠣᠨ᠎ᠤ ᠬᠠᠭ᠋ᠠᠰ᠎ᠠᠴᠠ ᠳᠡᠭᠡᠭᠰᠢᠬᠢ ᠵᠢ ᠡᠵᠡᠯᠡᠵᠦ ᠪᠠᠢ᠌ᠲᠠᠯ᠎ᠠ᠎ᠪᠠᠨ ᠠᠵᠤ ᠠᠬᠤᠶ ᠵᠢᠨ ᠶᠡᠷᠦᠩᠬᠡᠶ ᠬᠡᠮᠵᠢᠶ᠎ᠡ᠎ᠨᠢ ᠵᠥᠪᠬᠡᠨ ᠪᠦᠬᠦ ᠤᠷᠤᠨ᠎ᠤ ᠠᠷᠪᠠᠨ᠎ᠤ ᠨᠢᠭᠡ ᠬᠤᠪᠢ ᠯᠡ ᠡᠵᠡᠯᠡᠵᠦ᠂ ᠠᠵᠤ ᠠᠬᠤᠶ ᠵᠢᠨ ᠶᠡᠷᠦᠩᠬᠡᠶ ᠪᠣᠳᠠᠲᠤ ᠬᠦᠴᠦᠨ ᠰᠤᠯᠠ᠂ ᠦᠪᠡᠷ᠎ᠢ᠎ᠪᠠᠨ ᠬᠦᠭᠵᠢᠭᠦᠯᠬᠦ ᠴᠢᠳᠠᠪᠤᠷᠢ᠎ᠨᠢ ᠨᠡᠯᠢᠶᠡᠳ ᠪᠠᠭᠤᠷᠠᠶ ᠪᠠᠶ᠋ᠢᠳᠠᠭ᠃ ᠠᠵᠤ ᠦᠢ᠍ᠯᠡᠰ᠎ᠤᠨ ᠪᠦᠲᠦᠴᠡ᠎ᠨᠢ ᠳᠠᠩ ᠴᠤᠯᠭᠤᠶ᠂ ᠢᠯᠠᠩᠭᠤᠶ᠎ᠠ ᠠᠵᠤ ᠦᠢ᠍ᠯᠡᠳᠪᠦᠷᠢᠵᠢᠯᠲᠡ ᠵᠢᠨ ᠬᠢᠷᠢ ᠲᠥᠪᠰᠢᠨ ᠨᠡᠯᠢᠶᠡᠳ ᠳᠣᠣᠷ᠎ᠠ ᠪᠠᠶ᠋ᠢᠨ᠎ᠠ᠃ ᠠᠩᠬ᠎ᠠ ᠡᠳ᠋ᠰᠢᠭᠦᠯᠭᠡ ᠵᠢᠨ ᠪᠦᠲᠦᠭᠡᠭᠳᠡᠬᠦᠨ ᠤᠯᠠᠨ᠂ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠡᠳ᠋ᠰᠢᠭᠦᠯᠵᠦ ᠤᠯᠠᠷᠢᠭᠤᠯᠬᠤ ᠨᠣᠷᠮ᠎ᠠ᠎ᠨᠢ 60%᠎ᠳᠤ ᠬᠦᠷᠬᠦ ᠦᠭᠡᠢ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ ᠪᠣᠯᠤᠨ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠢᠯᠡᠳᠲᠡ ᠳᠤᠲᠠᠮᠠᠭ ᠪᠠᠶ᠋ᠢᠨ᠎ᠠ᠃ ᠭᠤᠷᠪᠠ᠎ᠳᠤ ᠪᠦᠬᠦ ᠣᠷᠣᠨ᠎ᠤ ᠳᠤᠮᠳᠠ ᠳᠡᠰ᠎ᠠᠴᠠ ᠳᠡᠭᠡᠭᠰᠢᠬᠢ ᠠᠮᠢ ᠠᠬᠤᠶ ᠵᠢᠨ ᠬᠡᠪᠡᠷᠡᠭ ᠣᠷᠣᠨ᠎ᠨᠢ ᠤᠯᠤᠰ᠎ᠤᠨ ᠨᠤᠲᠤᠭ ᠳᠡᠪᠢᠰᠬᠡᠷ᠎ᠤᠨ 62%᠎ᠢ ᠡᠵᠡᠯᠡᠨ᠂ ᠬᠦᠨᠳᠦ ᠳᠡᠰ ᠪᠠ ᠲᠤᠶ᠋ᠢᠯ᠎ᠤᠨ ᠬᠦᠨᠳᠦ ᠳᠡᠰ᠎ᠨᠢ 36.7% ᠵᠢ ᠡᠵᠡᠯᠡᠵᠦ᠂ ᠨᠤᠲᠤᠭ ᠪᠡᠯᠴᠢᠭᠡᠷ᠎ᠤᠨ ᠲᠠᠴᠢᠷᠳᠠᠵᠤ᠂ ᠡᠯᠡᠰᠦᠷᠬᠡᠭᠵᠢᠵᠦ᠂ ᠬᠤᠵᠢᠷᠰᠢᠭᠰᠠᠨ ᠲᠠᠯᠠᠪᠠᠶ᠎ᠨᠢ 60.9% ᠣᠷᠴᠢᠮ᠎ᠳᠤ ᠬᠦᠷᠴᠦ᠂ ᠵᠠᠷᠢᠮ ᠪᠠᠶ᠋ᠢᠭ᠋ᠠᠯᠢ ᠵᠢᠨ ᠨᠤᠭᠤ ᠭᠠᠵᠠᠷ ᠠᠪᠴᠢᠵᠦ ᠪᠠᠢ᠌ᠨ᠎ᠠ᠂ ᠡᠳᠡᠭᠡᠷ ᠭᠠᠵᠠᠷ ᠣᠷᠣᠨ᠎ᠤ ᠣᠯᠠᠩᠬᠢ᠎ᠨᠢ ᠬᠢᠯᠢ ᠵᠢᠨ ᠬᠣᠰᠢᠭᠤ ᠬᠤᠳᠠ᠎ᠪᠠᠷ ᠪᠠᠶ᠋ᠢᠷᠢᠯᠠᠵᠤ᠂ ᠪᠠᠶ᠋ᠢᠭ᠋ᠠᠯᠢ ᠵᠢᠨ ᠭᠠᠮᠰᠢᠭ ᠪᠠᠶ᠋ᠢᠨ ᠲᠠᠬᠢᠨ ᠡᠭᠦᠰᠴᠦ᠂ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠶ᠋ᠢᠳᠠᠯ ᠲᠡᠶ᠋ᠢᠮᠦ ᠪᠠᠶᠠᠷᠯᠠᠩᠭᠤᠶ ᠪᠢᠰᠢ ᠪᠠᠢ᠌ᠨ᠎ᠠ᠃
      ᠲᠦᠷᠪᠡ᠎ᠳᠤ ᠨᠡᠶ᠋ᠢᠭᠡᠮ᠎ᠤᠨ ᠬᠥᠭᠵᠢᠯᠲᠡ᠎ᠨᠢ ᠠᠵᠤ ᠠᠬᠤᠶ ᠵᠢᠨ ᠬᠥᠭᠵᠢᠯᠲᠡ᠎ᠠᠴᠠ ᠬᠣᠴᠣᠷᠠᠩᠭᠤᠢ᠂ ᠬᠥᠳᠡᠯᠮᠦᠷᠢ ᠠᠵᠢᠯ ᠣᠯᠭᠣᠯᠲᠠ᠂ ᠣᠷᠣᠯᠭ᠎ᠠ ᠵᠢᠨ ᠬᠤᠪᠢᠶᠠᠷᠢᠯᠠᠯᠲᠠ᠂ ᠨᠡᠶ᠋ᠢᠭᠡᠮ᠎ᠤᠨ ᠪᠠᠲᠤᠯᠠᠭ᠎ᠠ᠂ ᠰᠤᠷᠭ᠋ᠠᠨ ᠬᠥᠮᠦᠵᠢᠯ ᠡᠷᠡᠭᠦᠯ ᠬᠠᠮᠠᠭ᠋ᠠᠯᠠᠯ ᠵᠡᠷᠭᠡ ᠤᠯᠠᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠ᠎ᠳᠤ ᠬᠣᠯᠪᠣᠭᠳᠠᠬᠤ ᠠᠰᠠᠭᠤᠳᠠᠯ᠎ᠤᠳ ᠮᠥᠨᠬᠦ ᠨᠡᠯᠢᠶᠡᠳ ᠲᠤᠪᠤᠢ᠍ᠢ᠍ᠮ᠎ᠠ ᠤᠷᠤᠰᠢᠵᠤ᠂ ᠬᠤᠳᠠ ᠬᠥᠳᠡᠭᠡ ᠵᠢᠨ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ ᠠᠳᠠᠯᠢ ᠲᠡᠭᠰᠢ ᠪᠢᠰᠢ᠂ ᠵᠠᠷᠢᠮ ᠭᠠᠵᠠᠷ ᠣᠷᠣᠨ᠎ᠤ ᠬᠥᠭᠵᠢᠯᠲᠡ ᠵᠢᠨ ᠬᠢᠷᠢ ᠲᠥᠪᠰᠢᠨ ᠨᠡᠯᠢᠶᠡᠳ ᠳᠣᠣᠷ᠎ᠠ ᠪᠠᠢ᠌ᠵᠤ᠂ ᠬᠢᠯᠢ ᠵᠢᠨ 19 ᠬᠣᠰᠢᠭᠤ ᠬᠣᠲᠠ ᠵᠢᠨ ᠳᠣᠲᠤᠷ᠎ᠠ ᠤᠯᠤᠰ᠎ᠤᠨ ᠳᠡᠰ᠎ᠤᠨ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠭᠣᠣᠯᠳᠠᠯᠭ᠎ᠠ᠎ᠲᠠᠢ ᠰᠢᠶᠠᠨ 4᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠶᠠᠳᠠᠭᠤ ᠵᠢ ᠲᠡᠳᠬᠦᠬᠦ ᠨᠡᠭᠡᠭᠡᠨ ᠬᠥᠭᠵᠢᠭᠦᠯᠬᠦ ᠭᠣᠣᠯᠳᠠᠯᠭ᠎ᠠ᠎ᠲᠠᠢ ᠰᠢᠶᠠᠨ 6 ᠪᠠᠢ᠌ᠵᠤ᠂ ᠬᠢᠯᠢ ᠬᠢᠵᠠᠭ᠋ᠠᠷ ᠣᠷᠣᠨ᠎ᠳᠤ ᠪᠠᠰᠠ 11.6 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠪᠠᠢ᠌ᠨ᠎ᠠ᠃ ᠲᠠᠪᠤ᠎ᠳᠤ ᠮᠠᠨ᠎ᠤ ᠤᠷᠤᠨ᠎ᠤ ᠤᠷᠤᠰ᠂ ᠮᠣᠩᠭᠣᠯ᠎ᠯᠤᠭ᠎ᠠ ᠵᠢᠨ ᠭᠠᠳᠠᠭ᠋ᠠᠳᠤ᠎ᠠᠴᠠ ᠣᠷᠣᠭᠤᠯᠬᠤ ᠪᠠ ᠭᠠᠳᠠᠭ᠋ᠠᠳᠤ᠎ᠳᠤ ᠭᠠᠷᠭ᠋ᠠᠬᠤ ᠠᠷᠠᠯᠵᠢᠶ᠎ᠠ ᠨᠡᠯᠢᠶᠡᠳ ᠪᠠᠭ᠎ᠠ᠂ ᠭᠠᠳᠠᠭ᠋ᠠᠳᠤ᠎ᠳᠤ ᠪᠡᠯᠡ ᠤᠷᠤᠭᠤᠯᠬᠤ ᠬᠦᠷᠢᠶ᠎ᠡ ᠬᠡᠪᠴᠢᠶ᠎ᠡ ᠳᠠᠡᠭ ᠴᠤᠯᠭᠤᠶ ᠪᠠᠶ᠋ᠢᠵᠤ᠂ ᠮᠣᠩᠭᠣᠯ ᠤᠯᠤᠰ᠎ᠲᠠᠬᠢ 64%᠎ᠠᠴᠠ ᠳᠡᠭᠡᠭᠰᠢᠬᠢ ᠪᠡᠯᠡ ᠣᠷᠣᠭᠤᠯᠤᠯᠲᠠ᠎ᠨᠢ ᠠᠭᠤᠷᠬᠠᠶ ᠨᠡᠭᠡᠭᠡᠨ ᠠᠰᠢᠭᠯᠠᠬᠤ ᠬᠦᠷᠢᠶᠡᠨ᠎ᠳᠤ ᠲᠠᠷᠬᠠᠵᠤ᠂ ᠣᠷᠣᠰ᠎ᠲᠠᠬᠢ 50% ᠣᠷᠴᠢᠮ᠎ᠤᠨ ᠪᠡᠯᠡ ᠣᠷᠣᠭᠤᠯᠤᠯᠲᠠ᠎ᠨᠢ ᠤᠢ ᠮᠤᠳᠤ ᠣᠭᠲᠣᠯᠬᠤ ᠡᠳ᠋ᠰᠢᠭᠦᠯᠬᠦ ᠵᠢᠴᠢ ᠠᠭᠤᠷᠬᠠᠶ ᠨᠡᠬᠡᠬᠡᠨ ᠠᠰᠢᠭᠯᠠᠬᠤ ᠬᠦᠷᠢᠶᠡᠨ᠎ᠳᠤ ᠲᠠᠷᠬᠠᠵᠤ ᠪᠠᠢ᠌ᠨ᠎ᠠ᠃ ᠤᠳᠤ ᠪᠠᠶ᠋ᠢᠭ᠎ᠠ ᠣᠷᠣᠰ᠂ ᠮᠣᠩᠭᠣᠯ ᠬᠣᠶᠠᠷ ᠤᠯᠤᠰ᠎ᠲᠤ ᠬᠠᠨᠳᠤᠭᠰᠠᠨ ᠪᠣᠭᠣᠮᠲᠠ ᠵᠢᠨ ᠴᠢᠳᠠᠮᠵᠢ ᠵᠢᠨ ᠤᠷᠤᠨ ᠪᠠᠢ᠌ᠷᠢ ᠵᠢᠨ ᠲᠣᠭᠲᠠᠭ᠋ᠠᠯᠲᠠ ᠪᠣᠯᠣᠨ ᠪᠠᠢ᠌ᠷᠢᠭᠤᠯᠤᠯᠲᠠ ᠪᠠᠰᠠ ᠲᠡᠳᠦᠶ ᠵᠣᠬᠢᠰᠲᠠᠶ ᠪᠣᠰᠤ᠂ ᠰᠠᠭᠤᠷᠢ ᠪᠡᠯᠡᠳᠬᠡᠮᠵᠢ ᠪᠣᠯᠤᠨ ᠪᠣᠭᠣᠮᠲᠠ᠎ᠪᠠᠷ ᠦᠩᠭᠡᠷᠡᠬᠦ ᠨᠥᠬᠥᠴᠡᠯ ᠠᠨᠠᠶ ᠪᠠᠢ᠌ᠵᠤ᠂ ᠤᠯᠤᠰ᠎ᠤᠨ ᠤᠮᠠᠷᠠᠰᠢ ᠨᠡᠬᠡᠬᠡᠬᠦ ᠪᠠᠶ᠋ᠢᠯᠳᠤᠬᠤ ᠪᠤᠳᠤᠯᠭ᠎ᠠ ᠵᠢᠨ ᠬᠡᠷᠡᠭᠴᠡᠭᠡ ᠵᠢ ᠲᠤᠩ ᠬᠠᠩᠭ᠋ᠠᠵᠤ ᠳᠡᠢ᠌ᠯᠬᠦ ᠦᠭᠡᠢ ᠪᠠᠶ᠋ᠢᠨ᠎ᠠ᠃ ᠵᠢᠷᠭᠤᠭ᠎ᠠ᠎ᠳᠤ ᠮᠠᠨ᠎ᠤ ᠤᠷᠤᠨ᠎ᠨᠢ ᠬᠢᠯᠢ ᠬᠢᠵᠠᠭ᠋ᠠᠷ᠎ᠤᠨ ᠴᠥᠭᠡᠨ ᠲᠣᠭ᠋ᠠᠲᠤ ᠦᠨᠳᠦᠰᠦᠲᠡᠨ᠎ᠤ ᠭᠠᠵᠠᠷ ᠣᠷᠣᠨ ᠪᠣᠯᠣᠨ ᠨᠡᠶ᠋ᠢᠰᠯᠡᠯ᠎ᠤᠨ ᠬᠣᠲᠠ ᠬᠠᠮᠠᠭ᠋ᠠᠯᠠᠬᠤ ᠭᠣᠣᠯ ᠪᠣᠯᠤᠭᠰᠠᠨ᠎ᠤ ᠬᠤᠪᠢ᠎ᠳᠤ᠂ ᠢᠮᠠᠭᠲᠠ ᠳᠡᠯᠡᠬᠡᠶ ᠵᠢᠨ ᠳᠠᠶ᠋ᠢᠰᠤᠩᠨᠠᠭᠴᠢ ᠬᠦᠴᠦᠨ᠎ᠤ ᠪᠢᠳᠡᠨ᠎ᠢ ᠥᠷᠥᠨᠡᠴᠢᠯᠡᠬᠦ᠂ ᠵᠠᠳᠠᠷᠠᠭᠤᠯᠬᠤ ᠵᠢᠨ ᠬᠢᠨᠢ ᠭᠣᠣᠯᠳᠠᠯᠭ᠎ᠠ᠎ᠲᠠᠢ ᠭᠠᠵᠠᠷ ᠣᠷᠣᠨ ᠪᠣᠯᠵᠤ᠂ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠨ᠂ ᠨᠡᠶ᠋ᠢᠭᠡᠮ᠎ᠢ ᠲᠣᠭᠲᠠᠭᠤᠨ ᠪᠠᠶ᠋ᠢᠯᠭ᠋ᠠᠬᠤ ᠡᠭᠦᠷᠭᠡ ᠮᠥᠨᠬᠦ ᠨᠦᠰᠡᠷ ᠬᠦᠨᠳᠦ ᠪᠠᠶ᠋ᠢᠨ᠎ᠠ᠃
      ᠬᠥᠲᠥᠯᠥᠭᠴᠢ᠄
     《13 · 5》 ᠵᠢᠨ ᠬᠤᠭᠤᠴᠠᠭ᠎ᠠ ᠪᠣᠯ ᠮᠠᠨ᠎ᠤ ᠤᠯᠤᠰ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ ᠰᠢᠢ᠍ᠳᠪᠦᠷᠢᠲᠦ ᠱᠠᠲᠤ ᠪᠤᠯᠤᠨ᠎ᠠ᠂ ᠬᠢᠯᠢ ᠬᠢᠵᠠᠭ᠋ᠠᠷ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠨᠢ ᠠᠯᠢ ᠠᠯᠢ ᠲᠠᠯ᠎ᠠ᠎ᠪᠠᠷ ᠬᠦᠴᠦ ᠲᠠᠯᠪᠢᠵᠤ᠂ ᠬᠢᠯᠢ ᠬᠢᠵᠠᠭ᠋ᠠᠷ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠢ ᠪᠦᠬᠦ ᠤᠯᠤᠰ᠎ᠲᠠᠢ ᠴᠤᠭ᠎ᠲᠤᠨᠢ ᠪᠦᠬᠦ ᠲᠠᠯ᠎ᠠ᠎ᠪᠠᠷ ᠴᠢᠨᠡᠭᠡᠯᠢᠭᠵᠢᠭᠦᠯᠬᠦ ᠲᠣᠭᠲᠠᠭᠰᠠᠨ ᠬᠤᠭᠤᠴᠠᠭ᠋ᠠᠨ᠎ᠳᠤᠨᠢ ᠪᠡᠶᠡᠯᠡᠭᠦᠯᠬᠦ ᠵᠢ ᠬᠡᠷᠬᠢᠨ ᠪᠠᠲᠤᠯᠠᠬᠤ ᠪᠤᠢ?
      ᠮᠸᠩ ᡁᠢ ᠵᠢᠶᠦ᠋ᠨ᠄
      ᠬᠢᠯᠢ ᠬᠢᠵᠠᠭ᠋ᠠᠷ ᠣᠷᠣᠨ᠎ᠢ ᠪᠦᠬᠦ ᠤᠯᠤᠰ᠎ᠲᠠᠢ ᠴᠤᠭ᠎ᠲᠤᠨᠢ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ ᠵᠢ ᠦᠨᠡᠨ ᠬᠦ᠌ ᠪᠠᠲᠤᠯᠠᠬᠤ ᠵᠢᠨ ᠲᠦᠯᠦᠭᠡ᠂ ᠨᠢᠭᠡ ᠲᠠᠯ᠎ᠠ᠎ᠪᠠᠷ᠂ ᠪᠢᠳᠡ ᠤᠯᠤᠰ᠎ᠤᠨ 《13· 5》 ᠵᠢᠨ ᠲᠥᠯᠥᠪᠵᠢᠭᠦᠯᠭᠡ ᠵᠢ ᠲᠤᠤᠱᠯᠠᠭᠤᠯᠤᠨ ᠬᠡᠷᠡᠭᠵᠢᠭᠦᠯᠬᠦ ᠵᠢ ᠰᠠᠢ᠌ᠲᠤᠷ ᠠᠳᠬᠤᠵᠤ᠂ ᠴᠠᠯᠠᠭ᠋ᠠᠶ᠋ᠢᠷᠠᠬᠤ ᠦᠭᠡᠢ᠂ ᠰᠤᠯᠠᠷᠠᠬᠤ ᠦᠭᠡᠢ᠂ ᠰᠠᠭᠤᠷᠢ᠎ᠪᠠᠨ ᠰᠠᠢ᠍ᠢ᠍ᠨ ᠲᠠᠯᠪᠢᠵᠤ᠂ ᠳᠠᠬᠢᠨᠲᠠ ᠰᠢᠨ᠎ᠡ ᠳᠡᠭᠲᠡᠷ᠎ᠲᠤ ᠭᠠᠷᠭ᠋ᠠᠬᠤ ᠬᠡᠷᠡᠭᠲᠡᠢ; ᠨᠤᠢ᠍ᠬᠦᠭᠡ ᠲᠠᠯ᠎ᠠ᠎ᠪᠠᠷ᠂ ᠪᠢᠳᠡ ᠶᠠᠭ ᠥᠪᠡᠷᠲᠡᠭᠡᠨ ᠵᠠᠰᠠᠬᠤ ᠣᠷᠣᠨ᠎ᠤ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ 《13 · 5》 ᠵᠢᠨ ᠲᠥᠯᠥᠪᠵᠢᠭᠦᠯᠭᠡ ᠵᠢ ᠭᠠᠷᠳᠠᠨ ᠨᠠᠢ᠌ᠷᠠᠭᠤᠯᠤᠨ ᠵᠤᠬᠢᠶᠠᠵᠤ᠂ ᠬᠢᠯᠢ ᠬᠢᠵᠠᠭ᠋ᠠᠷ᠎ᠤᠨ ᠨᠢᠭᠡᠳᠦᠭᠡᠷ ᠹᠷᠣᠨᠲ᠎ᠳᠤ ᠭᠦᠨᠵᠡᠭᠡᠢ᠌ᠷᠡᠨ ᠤᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠪᠠᠶ᠋ᠢᠳᠠᠯ᠎ᠢ ᠪᠣᠳᠠᠲᠠᠶ ᠭᠠᠵᠠᠷ᠎ᠲᠤᠨᠢ ᠣᠢ᠌ᠯᠠᠭ᠋ᠠᠵᠤ᠂ ᠡᠯ᠎ᠡ ᠲᠠᠯ᠎ᠠ ᠵᠢᠨ᠎ᠬᠢᠨ᠎ᠤ ᠰᠠᠨᠠᠯ᠎ᠢ ᠥᠷᠭᠡᠨ ᠵᠶ᠋ᠠᠷ ᠰᠣᠨᠣᠰᠴᠤ᠂ ᠲᠥᠯᠥᠪᠵᠢᠭᠦᠯᠭᠡ ᠵᠢᠨ ᠲᠣᠪᠬᠢᠮᠠᠯ᠎ᠤᠨ ᠲᠥᠰᠦᠯ᠎ᠢ ᠲᠠᠬᠢᠨ ᠳᠠᠪᠲᠠᠨ ᠰᠤᠳᠤᠯᠤᠨ ᠶᠠᠷᠢᠯᠴᠠᠵᠤ᠂ ᠲᠥᠯᠥᠪᠵᠢᠭᠦᠯᠭᠡ ᠵᠢᠨ ᠰᠢᠨᠵᠢᠯᠡᠬᠦ ᠤᠬᠠᠭ᠋ᠠᠨᠴᠢ ᠴᠢᠨᠠᠷ᠂ ᠬᠠᠨᠳᠤᠯᠭ᠋ᠠᠲᠤ ᠴᠢᠨᠠᠷ ᠪᠠ ᠪᠦᠲᠦᠮᠵᠢᠲᠤ ᠴᠢᠨᠠᠷ᠎ᠢ ᠬᠦᠴᠦᠯᠡᠨ ᠳᠡᠭᠡᠭᠰᠢᠯᠡᠭᠦᠯᠦᠨ᠎ᠡ᠃ ᠪᠢᠳᠡᠨ᠎ᠤ ᠦᠵᠡᠬᠦ᠎ᠪᠠᠷ᠂ ᠬᠢᠯᠢ ᠬᠢᠵᠠᠭ᠋ᠠᠷ ᠣᠷᠣᠨ᠎ᠨᠢ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠦᠲᠦᠭᠡᠬᠦ ᠵᠢᠨ ᠭᠣᠣᠯᠳᠠᠯᠭ᠎ᠠ ᠪᠠ ᠪᠡᠷᠬᠡᠲᠡᠶ ᠲᠠᠯ᠎ᠠ ᠪᠤᠯᠵᠤ ᠪᠠᠢ᠌ᠬᠤ ᠵᠢᠨ ᠴᠢᠬᠤᠯᠠ ᠲᠠᠯ᠎ᠠ᠎ᠨᠢ ᠰᠠᠭᠤᠷᠢ ᠨᠢᠮᠭᠡᠨ᠂ ᠪᠡᠷᠬᠡ ᠶᠠᠪᠤᠳᠠᠯ᠎ᠨᠢ ᠳᠤᠲᠠᠮᠠᠭ ᠲᠠᠯ᠎ᠠ ᠠᠷᠪᠢᠨ ᠪᠠᠢ᠌ᠨ᠎ᠠ᠃ ᠡᠶ᠋ᠢᠮᠦ᠎ᠠᠴᠠ᠂ ᠪᠢᠳᠡ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ 《13 · 5》 ᠵᠢᠨ ᠲᠥᠯᠥᠪᠵᠢᠭᠦᠯᠭᠡ ᠵᠢᠨ ᠦᠨᠳᠦᠰᠦᠨ ᠬᠥᠭ ᠠᠶᠠᠰ᠎ᠢ 《ᠰᠠᠭᠤᠷᠢ ᠵᠢ ᠴᠢᠩᠭ᠋ᠠᠳᠬᠠᠵᠤ᠂ ᠳᠤᠲᠠᠭᠳᠠᠯ᠎ᠢ ᠨᠦᠬᠦᠬᠦ》᠎ᠪᠠᠷ ᠲᠤᠭᠲᠠᠭ᠋ᠠᠪᠠ᠃ 《13 · 5》 ᠵᠢᠨ ᠬᠤᠭᠤᠴᠠᠭ᠋ᠠᠨ᠎ᠳᠤ᠂ ᠲᠥᠪ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ᠎ᠪᠠᠷ᠂ ᠦᠨᠳᠦᠰᠦᠲᠡᠨ᠎ᠨᠦᠭᠦᠳ ᠬᠠᠮᠲᠤᠪᠠᠷ ᠪᠦᠯᠬᠦᠮᠳᠡᠨ ᠲᠡᠮᠡᠴᠡᠬᠦ᠂ ᠬᠠᠮᠲᠤ᠎ᠪᠠᠷ ᠴᠡᠴᠡᠭᠯᠡᠨ ᠬᠥᠭᠵᠢᠬᠦ ᠭᠣᠣᠯ ᠰᠡᠳᠦᠪ᠎ᠢ ᠪᠠᠲᠤ ᠡᠵᠡᠮᠳᠡᠵᠦ᠂ ᠬᠢᠯᠢ ᠬᠢᠵᠠᠭ᠋ᠠᠷ ᠣᠷᠣᠨ ᠪᠠ ᠥᠷᠭᠡᠨ ᠤᠯᠠᠨ ᠬᠢᠯᠢ ᠵᠢᠨ ᠠᠷᠠᠳ᠎ᠤᠨ ᠣᠨᠴᠠᠭ᠋ᠠᠶ ᠬᠦᠴᠢᠷᠳᠡᠯ ᠪᠠ ᠠᠰᠠᠭᠤᠳᠠᠯ᠎ᠢ ᠰᠢᠢ᠍ᠳᠪᠦᠷᠢᠯᠡᠬᠦ᠎ᠪᠠᠷ ᠭᠠᠷᠳᠠᠴᠠ ᠪᠣᠯᠭ᠋ᠠᠨ᠂ ᠬᠢᠯᠢ ᠬᠢᠵᠠᠭ᠋ᠠᠷ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠬᠢᠯᠢ ᠬᠢᠵᠠᠭ᠋ᠠᠷ ᠣᠷᠣᠨ᠎ᠤ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠦᠲᠦᠭᠡᠬᠦ ᠠᠬᠢᠴᠠ ᠵᠢ ᠲᠦᠷᠭᠡᠳᠬᠡᠵᠦ᠂ ᠳᠣᠣᠷᠠᠬᠢ ᠮᠡᠲᠦ ᠬᠡᠳᠦᠨ ᠲᠠᠯ᠎ᠠ ᠵᠢᠨ ᠠᠵᠢᠯ᠎ᠢ ᠬᠦᠴᠦ ᠲᠠᠯᠪᠢᠨ ᠰᠠᠶ᠋ᠢᠲᠤᠷ ᠬᠢᠨ᠎ᠡ᠄ ᠨᠢᠭᠡ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠬᠦᠭᠵᠢᠭᠦᠯᠬᠦ᠂ ᠠᠷᠠᠳ᠎ᠢ ᠪᠠᠶᠠᠵᠢᠭᠤᠯᠤᠨ ᠣᠷᠣᠨ ᠵᠶ᠋ᠠᠨ ᠬᠦᠴᠦᠷᠬᠡᠭᠵᠢᠭᠦᠯᠬᠦ ᠠᠬᠢᠴᠠ ᠵᠢ ᠲᠦᠯᠬᠢᠨ ᠠᠬᠢᠭᠤᠯᠬᠤ ᠪᠠ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠦᠲᠦᠭᠡᠬᠦ ᠶᠡᠷᠦᠩᠬᠡᠶ ᠭᠠᠷᠳᠠᠴᠠ ᠪᠠ ᠴᠢᠬᠤᠯᠠ ᠵᠢᠷᠤᠮᠯᠠᠯ᠎ᠢ ᠭᠦᠢ᠍ᠴᠡᠳᠬᠡᠨ᠎ᠡ᠃ ᠪᠢᠳᠡ ᠬᠢᠯᠢ ᠵᠢᠨ ᠬᠣᠰᠢᠭᠤ ᠬᠣᠲᠠ ᠵᠢᠨ ᠬᠥᠭᠵᠢᠯᠲᠡ ᠵᠢᠨ ᠪᠣᠳᠠᠲᠤ ᠪᠠᠶ᠋ᠢᠳᠠᠯ᠎ᠲᠠᠢ ᠨᠢᠭᠲᠠ ᠤᠶᠠᠯᠳᠤᠭᠤᠯᠤᠨ᠂ ᠬᠥᠭᠵᠢᠯᠲᠡ ᠵᠢᠨ ᠰᠡᠳᠬᠢᠴᠡ᠎ᠪᠠᠨ ᠠᠵᠢᠯ᠎ᠤᠨ ᠲᠥᠯᠥᠪᠵᠢᠭᠦᠯᠭᠡ ᠪᠤᠯᠭ᠋ᠠᠨ ᠨᠠᠷᠢᠯᠢᠭᠵᠢᠭᠤᠯᠵᠤ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠪᠤᠯᠭ᠋ᠠᠨ ᠨᠠᠢ᠌ᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠤᠯᠭ᠋ᠠᠨ ᠪᠤᠲᠠᠢ᠌ᠵᠢᠭᠤᠯᠵᠤ᠂ ᠡᠯ᠎ᠡ ᠵᠦᠢ᠍ᠯ᠎ᠤᠨ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠬᠦᠴᠦᠲᠡᠢ ᠠᠳᠬᠤᠨ᠎ᠠ᠃
      ᠬᠣᠶᠠᠷ᠎ᠲᠤ ᠭᠣᠣᠯᠳᠠᠯᠭ᠎ᠠ᠎ᠲᠠᠢ ᠠᠵᠢᠯ ᠪᠠ ᠭᠣᠣᠯᠳᠠᠯᠭ᠎ᠠ᠎ᠲᠠᠢ ᠲᠦᠷᠦᠯ ᠵᠦᠢ᠍ᠯ᠎ᠢ ᠪᠦᠬᠦ ᠬᠦᠴᠦᠨ ᠵᠶ᠋ᠡᠷ ᠵᠶ᠋ᠡᠨ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠢᠯ᠂ ᠭᠣᠣᠯᠳᠠᠯᠭ᠎ᠠ᠎ᠲᠠᠢ ᠲᠦᠷᠦᠯ ᠵᠦᠢ᠍ᠯ᠎ᠢ ᠲᠦᠯᠬᠢᠨ ᠠᠬᠢᠭᠤᠯᠬᠤ ᠬᠤᠷᠠᠯ᠎ᠤᠨ ᠱᠠᠭ᠋ᠠᠷᠳᠠᠯᠭ᠎ᠠ᠎ᠪᠠᠷ᠂ ᠬᠠᠷᠢᠭᠤᠴᠠᠯᠭ᠎ᠠ ᠵᠢᠨ ᠭᠣᠣᠯ ᠴᠤᠭᠴᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠬᠢᠯᠢ ᠵᠢᠨ ᠬᠣᠰᠢᠭᠤ ᠬᠣᠲᠠ ᠵᠢᠨ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠠᠵᠢᠯ ᠪᠠ ᠭᠣᠣᠯᠳᠠᠯᠭ᠎ᠠ᠎ᠲᠠᠢ ᠲᠦᠷᠦᠯ ᠵᠦᠢ᠍ᠯ᠎ᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ᠃ ᠤᠯᠤᠰ᠎ᠠᠴᠠ ᠦᠨᠳᠦᠰᠦᠲᠡᠨ᠎ᠤ ᠭᠠᠵᠠᠷ ᠣᠷᠣᠨ᠎ᠤ ᠡᠬᠢ ᠪᠠᠶᠠᠯᠢᠭ ᠵᠶ᠋ᠡᠷ ᠳᠠᠪᠠᠭᠤᠯᠢᠭ ᠠᠵᠤ ᠦᠢ᠍ᠯᠡᠰ᠎ᠢ ᠶᠡᠬᠡ᠎ᠪᠠᠷ ᠬᠦᠭᠵᠢᠭᠦᠯᠵᠦ᠂ ᠴᠢᠬᠤᠯᠠ ᠶᠡᠬᠡ ᠠᠵᠤ ᠦᠢ᠍ᠯᠡᠰ᠎ᠤᠨ ᠲᠦᠷᠦᠯ ᠵᠦᠢ᠍ᠯ᠎ᠢ ᠦᠨᠳᠦᠰᠦᠲᠡᠨ᠎ᠤ ᠭᠠᠵᠠᠷ ᠣᠷᠣᠨ᠎ᠳᠤ ᠤᠷᠢᠳᠠᠪᠠᠷ ᠪᠠᠢ᠌ᠷᠢᠰᠢᠭᠤᠯᠬᠤ ᠵᠢ ᠳᠡᠮᠵᠢᠵᠦ ᠪᠠᠢ᠌ᠭ᠎ᠠ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠵᠢᠨ ᠠᠵᠠ ᠲᠤᠬᠢᠶᠠᠯ᠎ᠢ ᠴᠢᠩᠭ᠎ᠠ ᠡᠵᠡᠮᠳᠡᠵᠦ᠂ ᠨᠢᠭᠡ ᠪᠦᠯᠦᠭ ᠰᠢᠨ᠎ᠡ ᠲᠤᠮᠤ ᠲᠦᠷᠦᠯ ᠵᠦᠢ᠍ᠯ᠎ᠢ ᠱᠠᠯᠠᠪᠳᠠᠨ ᠠᠷᠭ᠎ᠠ ᠰᠦᠪᠡᠭᠴᠢᠯᠡᠬᠦ ᠪᠠ ᠲᠤᠭᠲᠠᠭ᠋ᠠᠨ ᠪᠠᠶ᠋ᠢᠭᠤᠯᠵᠤ᠂ ᠬᠢᠯᠢ ᠬᠢᠵᠠᠭ᠋ᠠᠷ ᠣᠷᠣᠨ᠎ᠤ ᠬᠥᠭᠵᠢᠯᠲᠡ ᠵᠢ ᠲᠦᠷᠭᠡᠳᠬᠡᠬᠦ᠎ᠳᠤ ᠪᠣᠳᠠᠰ᠎ᠤᠨ ᠰᠠᠭᠤᠷᠢ ᠪᠡᠬᠢᠵᠢᠭᠦᠯᠵᠦ ᠦᠭᠭᠦᠨ᠎ᠡ᠃ ᠭᠤᠷᠪᠠ᠎ᠳᠤ ᠤᠯᠤᠰ᠎ᠤᠨ ᠬᠠᠮᠢᠶ᠎ᠠ ᠪᠥᠬᠥᠢ ᠶᠠᠮᠤᠨ ᠵᠥᠪᠯᠡᠯ᠎ᠤᠨ ᠳᠡᠮᠵᠢᠯᠭᠡ ᠵᠢ ᠤᠯᠬᠤ᠎ᠪᠠᠷ ᠢᠳᠡᠪᠬᠢᠯᠡᠨ᠎ᠡ᠃ ᠲᠥᠪ᠎ᠠᠴᠠ ᠬᠢᠯᠢ ᠬᠢᠵᠠᠭ᠋ᠠᠷ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢ ᠡᠮᠬᠢᠯᠡᠨ ᠲᠢᠭᠯᠡᠬᠦ᠂ ᠵᠤᠯᠭ᠋ᠠᠭᠤᠯᠬᠤ᠂ ᠨᠠᠶ᠋ᠢᠳᠠᠪᠤᠷᠢᠵᠢᠭᠤᠯᠬᠤ ᠠᠵᠢᠯ᠎ᠢ ᠨᠠᠷᠢᠨ ᠬᠢᠨᠠᠮᠠᠭ᠋ᠠᠶ ᠰᠠᠶ᠋ᠢᠲᠤᠷ ᠬᠢᠵᠦ᠂ ᠡᠳᠡᠭᠡᠷ ᠲᠦᠷᠦ ᠵᠢᠨ ᠪᠤᠳᠤᠯᠭ᠎ᠠ ᠵᠢ ᠭᠦᠢ᠍ᠴᠡᠳ ᠰᠠᠢ᠌ᠨ ᠬᠡᠷᠡᠭᠯᠡᠵᠦ᠂ ᠪᠤᠲᠠᠲᠠᠢ ᠭᠠᠵᠠᠷ᠎ᠲᠤᠨᠢ ᠦᠨᠡᠨ ᠬᠦ᠌ ᠨᠠᠢ᠌ᠳᠠᠪᠤᠷᠢᠵᠢᠭᠤᠯᠵᠤ᠂ ᠢᠯᠠᠩᠭᠤᠶ᠎ᠠ ᠵᠥᠷᠢᠶᠡᠲᠦ ᠳᠡᠮᠵᠢᠯᠭᠡ ᠵᠢᠨ ᠲᠦᠷᠦ ᠵᠢᠨ ᠪᠤᠳᠤᠯᠭ᠎ᠠ ᠵᠢ ᠰᠠᠶ᠋ᠢᠲᠤᠷ ᠪᠦᠷᠢᠨᠰᠢᠭᠦᠯᠦᠨ ᠨᠠᠶ᠋ᠢᠳᠠᠪᠤᠷᠢᠵᠢᠭᠤᠯᠵᠤ᠂ ᠲᠦᠷᠦ ᠵᠢᠨ ᠪᠤᠳᠤᠯᠭ᠎ᠠ ᠵᠢᠨ ᠨᠡᠶ᠋ᠢᠯᠡᠮᠡᠯ ᠦᠢ᠍ᠯᠡᠳᠦᠯ᠎ᠢ ᠪᠠᠳᠠᠷᠠᠭᠤᠯᠤᠨ᠎ᠠ᠃ ᠤᠯᠤᠰ᠎ᠤᠨ ᠬᠠᠮᠢᠶ᠎ᠠ ᠪᠥᠬᠥᠢ ᠶᠠᠮᠤᠨ ᠵᠥᠪᠯᠡᠯ᠎ᠯᠦᠭᠡ ᠨᠡᠪᠲᠡᠷᠡᠯᠴᠡᠬᠦ ᠵᠣᠬᠢᠴᠠᠭᠤᠯᠬᠤ᠎ᠪᠠᠨ ᠦᠷᠭᠦᠯᠵᠢᠯᠡᠨ ᠴᠢᠩᠭ᠋ᠠᠳᠬᠠᠵᠤ᠂ ᠨᠡᠩ ᠤᠯᠠᠨ ᠬᠠᠷᠠᠭ᠋ᠠᠯᠵᠠᠬᠤ ᠲᠦᠷᠦ ᠵᠢᠨ ᠪᠤᠳᠤᠯᠭ᠎ᠠ ᠪᠠ ᠪᠡᠯᠡ ᠮᠥᠩᠭᠥ ᠵᠢᠨ ᠳᠡᠮᠵᠢᠯᠭᠡ ᠤᠯᠬᠤ᠎ᠪᠠᠷ ᠴᠢᠷᠮᠠᠢ᠌ᠨ᠎ᠠ᠃ ᠲᠦᠷᠪᠡ᠎ᠳᠤ ᠰᠢᠨ᠎ᠡ ᠬᠡᠪ ᠪᠠᠶ᠋ᠢᠳᠠᠯ ᠳᠤᠤᠷ᠎ᠠ ᠬᠢᠯᠢ ᠬᠢᠵᠠᠭ᠋ᠠᠷ ᠤᠷᠤᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯ᠎ᠢ ᠴᠢᠷᠮᠠᠶ᠋ᠢᠨ ᠰᠠᠶ᠋ᠢᠲᠤᠷ ᠬᠢᠨ᠎ᠡ᠃ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ 《ᠰᠢᠨ᠎ᠡ ᠪᠠᠶ᠋ᠢᠳᠠᠯ᠎ᠤᠨ ᠳᠤᠤᠷ᠎ᠠ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》᠎ᠤᠨ ᠡᠯ᠎ᠡ ᠵᠦᠢ᠍ᠯ᠎ᠤᠨ ᠡᠭᠦᠷᠭᠡ ᠵᠢ ᠨᠠᠶ᠋ᠢᠳᠠᠪᠤᠷᠢᠵᠢᠭᠤᠯᠬᠤ ᠠᠵᠢᠯ᠎ᠢ ᠥᠨᠳᠥᠷ ᠪᠠᠷᠢᠮᠵᠢᠶ᠎ᠠ᠎ᠪᠠᠷ ᠰᠠᠶ᠋ᠢᠲᠤᠷ ᠠᠳᠬᠤᠨ᠎ᠠ᠃ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠰᠢᠨ᠎ᠡ ᠬᠡᠪ ᠪᠠᠢ᠌ᠳᠠᠯ᠎ᠤᠨ ᠲᠤᠬᠠᠢ ᠣᠶ᠋ᠢᠯᠠᠭ᠋ᠠᠯᠲᠠ ᠪᠠ ᠲᠠᠨᠢᠯᠲᠠ᠎ᠪᠠᠨ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ ᠰᠠᠨᠠᠭ᠋ᠠᠴᠢᠯᠠᠭ᠎ᠠ᠎ᠠᠴᠠ᠎ᠪᠠᠨ ᠵᠤᠬᠢᠴᠠᠯᠳᠤᠨ᠂ ᠢᠳᠡᠪᠬᠢᠲᠡᠶ ᠠᠵᠢᠯᠯᠠᠵᠤ᠂ ᠬᠢᠯᠢ ᠬᠢᠵᠠᠭ᠋ᠠᠷ ᠤᠷᠤᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠲᠦᠷᠦ ᠵᠢᠨ ᠪᠤᠳᠤᠯᠭ᠎ᠠ ᠵᠢ ᠦᠷᠭᠦᠯᠵᠢᠯᠡᠨ ᠪᠦᠷᠢᠨᠰᠢᠭᠦᠯᠦᠨ ᠬᠡᠷᠡᠭᠵᠢᠭᠦᠯᠵᠦ᠂ ᠬᠢᠯᠢ ᠵᠢᠨ ᠬᠣᠰᠢᠭᠤ ᠬᠤᠲᠠ ᠵᠢ ᠳᠡᠮᠵᠢᠬᠦ ᠪᠠ ᠲᠡᠳᠬᠦᠬᠦ ᠡᠷᠴᠢᠮ ᠵᠶ᠋ᠠᠨ ᠤᠯᠠᠮ ᠴᠢᠩᠭ᠋ᠠᠯᠠᠵᠤ᠂ ᠰᠢᠨ᠎ᠡ ᠬᠡᠪ ᠪᠠᠶ᠋ᠢᠳᠠᠯ ᠳᠤᠤᠷ᠎ᠠ ᠬᠢᠯᠢ ᠬᠢᠵᠠᠭ᠋ᠠᠷ ᠤᠷᠤᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯ᠎ᠢ ᠴᠢᠷᠮᠠᠶ᠋ᠢᠨ ᠰᠠᠶ᠋ᠢᠲᠤᠷ ᠬᠢᠵᠦ᠂ ᠬᠢᠯᠢ ᠵᠢᠨ ᠬᠣᠰᠢᠭᠤ ᠬᠤᠳᠠ ᠵᠢ ᠪᠦᠬᠦ ᠤᠯᠤᠰ᠎ᠲᠠᠢ ᠴᠤᠭ᠎ᠲᠤᠨᠢ ᠬᠠᠮᠲᠤᠪᠠᠷ ᠴᠢᠨᠡᠭᠡᠯᠢᠭ ᠨᠡᠢ᠌ᠭᠡᠮ᠎ᠳᠤ ᠳᠠᠪᠰᠢᠨ ᠤᠷᠤᠬᠤ ᠵᠢ᠎ᠨᠢ ᠦᠨᠡᠨ ᠬᠦ᠌ ᠪᠠᠲᠤᠯᠠᠨ᠎ᠠ᠃
      ᠬᠥᠲᠥᠯᠥᠭᠴᠢ᠄
      ᠮᠸᠩ ᠡᠷᠬᠢᠯᠡᠭᠴᠢ ᠵᠢᠨ ᠲᠠᠢ᠌ᠯᠤᠮᠵᠢ ᠬᠢᠭᠰᠡᠨ᠎ᠳᠤ ᠲᠠᠯᠠᠷᠬᠠᠵᠤ ᠪᠠᠢ᠌ᠨ᠎ᠠ᠂ ᠲᠤᠰ ᠬᠤᠭᠤᠴᠠᠭ᠋ᠠᠨ᠎ᠳᠤ ᠰᠤᠷᠪᠤᠯᠵᠢᠯᠠᠭ᠎ᠠ ᠡᠨᠳᠡ ᠬᠦᠷᠦᠭᠡᠳ ᠵᠠᠪᠰᠠᠷᠯᠠᠯ᠎ᠠ᠂ ᠳᠠᠷᠠᠭ᠋ᠠᠴᠢ ᠵᠢᠨ ᠫᠷᠦᠭᠷᠡᠮ᠎ᠳᠤ ᠪᠠᠶᠠᠷᠲᠠᠶ ᠵᠤᠯᠭ᠋ᠠᠶ᠎ᠠ!

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠭᠠᠳᠠᠭ᠋ᠠᠳᠤ ᠰᠤᠷᠭ᠋ᠠᠨ ᠬᠥᠮᠦᠵᠢᠯ᠎ᠤᠨ ᠰᠣᠯᠢᠯᠴᠠᠭ᠎ᠠ ᠵᠢ ᠴᠢᠩᠭ᠋ᠠᠳᠬᠠᠵᠤ ᠰᠤᠷᠭ᠋ᠠᠨ ᠬᠥᠮᠦᠵᠢᠯ᠎ᠤᠨ ᠬᠠᠮᠲᠤᠷᠠᠯᠴᠠᠭ᠎ᠠ ᠵᠢᠨ ᠲᠠᠪᠴᠠᠩ᠎ᠢ ᠪᠠᠢ᠌ᠭᠤᠯᠤᠶ᠎ᠠ
ᠬᠡᠪ᠎ᠠᠴᠠ ᠳᠠᠪᠠᠭᠰᠠᠨ ᠠᠷᠭ᠎ᠠ ᠬᠡᠮᠵᠢᠶ᠎ᠡ ᠠᠪᠴᠤ ᠲᠤᠢ᠌ᠯ᠎ᠤᠨ ᠤᠨᠤᠪᠴᠢᠲᠠᠢ᠎ᠪᠠᠷ ᠶᠠᠳᠠᠭᠤ᠎ᠠᠴᠠ ᠠᠩᠭᠢᠵᠢᠷᠠᠭᠤᠯᠬᠤ ᠪᠠ ᠰᠢᠨ᠎ᠡ ᠬᠥᠳᠡᠭᠡ ᠲᠣᠰᠬᠣᠨ᠎ᠢ ᠪᠦᠳᠦᠭᠡᠨ ᠪᠠᠢ᠌ᠭᠤᠯᠬᠤ ᠠᠵᠢᠯ᠎ᠢ ᠪᠦᠬᠦ ᠲᠠᠯ᠎ᠠ᠎ᠪᠠᠷ ᠲᠦᠯᠬᠢᠨ ᠠᠬᠢᠭᠤᠯᠤᠶ᠎ᠠ
《ᠠᠳᠠᠯ ᠦᠢ᠍ᠯᠡᠰ ᠴᠣᠭᠴᠠᠯᠠᠬᠤ ᠥᠪᠥᠷ ᠮᠣᠩᠭᠣᠯ》 ᠠᠵᠢᠯᠯᠠᠭ᠎ᠠ ᠵᠢ ᠬᠡᠷᠡᠭᠵᠢᠭᠦᠯᠵᠦ ᠠᠳᠠᠯ ᠦᠢ᠍ᠯᠡᠰ ᠴᠣᠭᠴᠠᠯᠠᠬᠤ᠎ᠪᠠᠷ ᠠᠵᠢᠯ ᠣᠯᠭᠣᠯᠲᠠ ᠵᠢ ᠠᠬᠢᠭᠤᠯᠤᠶ᠎ᠠ
ᠥᠪᠥᠷ ᠮᠣᠩᠭᠣᠯ᠎ᠤᠨ 《ᠳᠥᠷᠪᠡᠨ ᠣᠯᠠᠨ》 ᠠᠳᠠᠯ ᠦᠢ᠍ᠯᠡᠰ ᠴᠣᠭᠴᠠᠯᠠᠬᠤ ᠵᠠᠬ᠎ᠠ ᠳᠡᠯᠭᠡᠭᠦᠷ᠎ᠨᠢ ᠠᠳᠠᠯ ᠦᠢᠯᠡᠰ ᠴᠣᠭᠴᠠᠯᠠᠭᠴᠢ᠎ᠳᠤ ᠪᠦᠬᠦ ᠲᠠᠯ᠎ᠠ ᠵᠢᠨ ᠦᠢ᠍ᠯᠡᠴᠢᠯᠡᠭᠡ ᠬᠠᠩᠭ᠋ᠠᠵᠤ ᠪᠣᠢ
ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠳᠦᠷᠢᠮ᠎ᠤᠨ ᠥᠭᠡᠷᠡᠴᠢᠯᠡᠯᠲᠡ ᠵᠢ ᠲᠦᠯᠬᠢᠨ ᠠᠬᠢᠭᠤᠯᠵᠤ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠰᠢᠨ᠎ᠡ ᠪᠠᠶ᠋ᠢᠳᠠᠯ᠎ᠢ ᠲᠠᠰᠤᠷᠠᠯᠳᠠ ᠦᠭᠡᠢ ᠡᠭᠦᠳᠦᠨ᠎ᠡ
 
            