ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠰᠠᠭᠤᠷᠢ ᠰᠤᠷᠭ᠋ᠠᠨ ᠬᠥᠮᠦᠵᠢᠯ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠲᠦᠯᠬᠢᠨ ᠠᠬᠢᠭᠤᠯᠵᠤ ᠰᠤᠷᠭ᠋ᠠᠨ ᠬᠥᠮᠥᠵᠢᠯ᠎ᠢ ᠴᠢᠨᠠᠷᠯᠢᠭ ᠲᠡᠩᠴᠡᠭᠦᠷᠢᠲᠡᠢ ᠬᠦᠭᠵᠢᠭᠦᠯᠬᠦ ᠵᠢ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2016-12-30


ᠰᠤᠷᠪᠤᠯᠵᠢᠯᠠᠭᠰᠠᠨ ᠴᠠᠭ᠄
     2016 ᠣᠨ᠎ᠤ 11 ᠳ᠋ᠦ᠍ᠭᠡᠷ ᠰᠠᠷ᠎ᠠ ᠵᠢᠨ 30᠎ᠤ ᠡᠳᠦᠷ᠎ᠤᠨ ᠦᠳᠡ ᠵᠢᠨ ᠡᠮᠦᠨᠡᠬᠢ 10 ᠴᠠᠭ
ᠰᠤᠷᠪᠤᠯᠵᠢᠯᠠᠭᠰᠠᠨ ᠵᠣᠴᠢᠨ᠄
      ᠳ᠋ᠦᠩᠱ᠌ᠧᠩ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠳᠡᠳ᠋ ᠳᠠᠷᠤᠭ᠎ᠠ
      ᠯᠢ ᠶᠦᠨ
ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
      ᠳ᠋ᠦᠩᠱ᠌ᠧᠩ ᠲᠣᠭᠣᠷᠢᠭ ᠰᠤᠷᠭ᠋ᠠᠨ ᠬᠥᠮᠦᠵᠢᠯ᠎ᠢ ᠡᠩ ᠲᠡᠷᠢᠭᠦᠨ᠎ᠳᠤ ᠬᠥᠭᠵᠢᠭᠦᠯᠬᠦ ᠵᠢ ᠢᠮᠠᠭᠲᠠ ᠪᠠᠷᠢᠮᠲᠠᠯᠠᠨ᠂ 《12· 5》 ᠵᠢᠨ ᠬᠤᠭᠤᠴᠠᠭ᠋ᠠᠨ᠎ᠳᠤ ᠳ᠋ᠦᠩᠱ᠌ᠧᠩ ᠲᠣᠭᠣᠷᠢᠭ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠵᠠᠷᠤᠯᠭ᠎ᠠ ᠵᠢᠨ ᠪᠦᠬᠦ ᠲᠣᠭ᠎ᠠ᠎ᠨᠢ 46.78 ᠳ᠋ᠦᠩᠰᠢᠭᠤᠷ ᠲᠥᠭᠥᠷᠢᠭ᠎ᠲᠤ ᠬᠦᠷᠴᠦ᠂ ᠰᠤᠷᠭ᠋ᠠᠨ ᠬᠥᠮᠦᠵᠢᠯ᠎ᠤᠨ ᠰᠠᠭᠤᠷᠢ ᠲᠠᠰᠤᠷᠠᠯᠲᠠ ᠦᠭᠡᠢ ᠪᠦᠷᠢᠨᠰᠢᠵᠦ᠂ ᠪᠠᠭᠰᠢ ᠵᠢᠨ ᠡᠩᠨᠡᠭᠡᠨ᠎ᠤ ᠬᠦᠴᠦᠨ ᠤᠯᠠᠮ ᠵᠶ᠋ᠠᠷ ᠴᠢᠩᠭ᠋ᠠᠷᠠᠵᠤ᠂ ᠰᠤᠷᠭ᠋ᠠᠭᠤᠯᠢ ᠡᠷᠬᠢᠯᠡᠬᠦ ᠬᠢᠷᠢ ᠬᠡᠮᠵᠢᠶ᠎ᠡ ᠮᠠᠰᠢ ᠶᠡᠬᠡᠪᠡᠷ ᠳᠡᠭᠡᠭᠰᠢᠯᠡᠪᠡ᠃ ᠤᠳᠤ ᠪᠠᠶ᠋ᠢᠭ᠎ᠠ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠭᠤᠯᠢ ᠬᠡᠦᠬᠡᠳ᠎ᠤᠨ ᠴᠡᠴᠡᠷᠯᠢᠭ 118 ᠪᠠᠢ᠌ᠵᠤ᠂ ᠰᠤᠷᠭ᠋ᠠᠭᠤᠯᠢ (ᠬᠡᠦᠬᠡᠳ᠎ᠤᠨ ᠴᠡᠴᠡᠷᠯᠢᠭ)᠎ᠳᠤ ᠪᠠᠢ᠌ᠭ᠎ᠠ ᠰᠤᠷᠤᠭᠴᠢ ᠪᠣᠯᠤᠨ ᠬᠡᠦᠬᠡᠳ 77037 ᠪᠤᠢ᠃ ᠡᠭᠦᠨ᠎ᠳᠤ᠂ ᠠᠯᠪᠠᠨ᠎ᠠᠴᠠ ᠡᠷᠬᠢᠯᠡᠭᠰᠡᠨ ᠰᠤᠷᠭ᠋ᠠᠭᠤᠯᠢ᠎ᠨᠢ 73᠂ ᠵᠢᠩᠬᠢᠨᠢ ᠪᠠᠭᠰᠢ ᠠᠵᠢᠯᠳᠠᠨ 5123 ᠬᠥᠮᠦᠨ ᠪᠠᠢ᠌ᠭ᠎ᠠ; ᠠᠷᠠᠳ᠎ᠠᠴᠠ ᠡᠷᠬᠢᠯᠡᠭᠰᠡᠨ ᠰᠤᠷᠭ᠋ᠠᠭᠤᠯᠢ᠎ᠨᠢ 45᠂ ᠪᠠᠭᠰᠢ ᠠᠵᠢᠯᠳᠠᠨ 1662 ᠬᠥᠮᠦᠨ ᠪᠤᠢ᠃

                    ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ
ᠬᠥᠲᠥᠯᠥᠭᠴᠢ᠄
      ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨ᠎ᠠ ᠤᠤ᠂ ᠰᠤᠷᠭ᠋ᠠᠨ ᠬᠥᠮᠦᠵᠢᠯ ᠪᠣᠯ ᠪᠠᠭ᠋ᠠᠴᠤᠳ ᠬᠡᠦᠬᠡᠳ᠎ᠤᠨ ᠡᠷᠡᠭᠦᠯ ᠵᠶ᠋ᠠᠷ ᠤᠢ᠍ᠰᠦᠠ ᠪᠣᠶ᠋ᠢᠵᠢᠬᠤ᠎ᠳᠤ ᠬᠣᠯᠪᠣᠭᠳᠠᠵᠤ᠂ 《ᠬᠡᠦᠭᠡᠳ᠎ᠤᠳ᠎ᠲᠤ ᠴᠢᠨᠠᠷ ᠰᠠᠶ᠋ᠢᠲᠠᠶ ᠰᠤᠷᠭ᠋ᠠᠨ ᠬᠥᠮᠦᠵᠢᠯ ᠬᠦᠷᠲᠡᠭᠡᠬᠦ》 ᠪᠣᠯ ᠭᠡᠷ᠎ᠤᠨ ᠠᠬᠠᠮᠠᠳ ᠨᠢᠭᠡᠪᠦᠷᠢ ᠵᠢᠨ ᠬᠦᠰᠡᠯ ᠡᠷᠡᠮᠡᠯᠵᠡᠯ ᠪᠣᠯᠣᠨ ᠰᠡᠳᠬᠢᠯ᠎ᠤᠨ ᠳᠠᠭᠤᠨ ᠪᠣᠯᠣᠨ᠎ᠠ᠃ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ᠎ᠨᠢ ᠰᠤᠷᠭ᠋ᠠᠨ ᠬᠥᠮᠦᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠂ ᠰᠤᠷᠭ᠋ᠠᠨ ᠬᠥᠮᠦᠵᠢᠯ᠎ᠢ ᠭᠣᠣᠯᠴᠢ᠎ᠪᠠᠷ ᠬᠦᠷᠲᠡᠭᠡᠬᠦ ᠵᠢ ᠠᠬᠢᠭᠤᠯᠬᠤ ᠵᠢᠨ ᠵᠠᠩᠭᠢᠯᠠᠭ᠎ᠠ ᠮᠥᠨ᠂ ᠡᠶ᠋ᠢᠮᠦ᠎ᠠᠴᠠ ᠦᠢ ᠣᠯᠠᠨ ᠭᠡᠷ ᠪᠦᠯᠢ ᠵᠢᠨ ᠠᠩᠬᠠᠷᠤᠯ᠎ᠢ ᠶᠡᠬᠡᠳᠡ ᠲᠠᠲᠠᠵᠤ ᠪᠠᠶ᠋ᠢᠨ᠎ᠠ᠃ ᠥᠨᠥᠳᠦᠷ᠎ᠤᠨ ᠮᠠᠨ᠎ᠤ ᠫᠷᠦᠭᠷᠡᠮ᠎ᠤᠨ ᠵᠣᠴᠢᠨ ᠪᠣᠯ ᠳ᠋ᠦᠩᠱ᠌ᠧᠩ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠳᠡᠳ᠋ ᠳᠠᠷᠤᠭ᠎ᠠ ᠯᠢ ᠶᠦᠨ ᠪᠣᠯᠣᠨ᠎ᠠ᠂ ᠯᠢ ᠳᠠᠷᠤᠭ᠎ᠠ᠎ᠠᠴᠠ ᠥᠷᠭᠡᠨ ᠣᠯᠠᠨ ᠰᠦᠯᠵᠢᠶᠡᠨ ᠠᠨᠳᠠ ᠨᠠᠷ᠎ᠲᠤ ᠳ᠋ᠦᠩᠱ᠌ᠧᠩ ᠲᠣᠭᠣᠷᠢᠭ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠥᠭᠡᠷᠡᠴᠢᠯᠡᠯᠲᠡ ᠵᠢᠨ ᠬᠠᠮᠢᠶ᠎ᠠ ᠪᠦᠬᠦᠢ ᠪᠠᠶ᠋ᠢᠳᠠᠯ᠎ᠢ ᠲᠠᠨᠢᠯᠴᠠᠭᠤᠯᠬᠤ ᠪᠣᠯᠤᠨ᠎ᠠ᠃ ᠯᠢ ᠳᠠᠷᠤᠭ᠎ᠠ ᠵᠢ ᠪᠠᠶᠠᠷᠯᠠᠨ ᠤᠭᠲᠤᠵᠤ ᠪᠠᠢ᠌ᠨ᠎ᠠ!
ᠯᠢ ᠶᠦᠨ᠄
      ᠰᠦᠯᠵᠢᠶᠡᠨ ᠠᠨᠳᠠ ᠨᠠᠷ ᠲᠠ ᠪᠦᠭᠦᠨ ᠰᠠᠢ᠍ᠢ᠍ᠨ ᠪᠠᠢ᠌ᠵᠠᠭ᠋ᠠᠨ᠎ᠠ ᠤᠤ! 《ᠳᠤᠮᠳᠠᠳᠤ ᠤᠯᠤᠰ   ᠥᠪᠥᠷ ᠮᠣᠩᠭᠣᠯ ᠰᠦᠯᠵᠢᠶ᠎ᠡ》᠎ᠪᠠᠷ ᠳᠠᠮᠵᠢᠭ᠋ᠠᠳ ᠤᠯᠡᠠ᠎ᠲᠠᠢ ᠰᠠᠨᠠᠯ ᠵᠶ᠋ᠠᠨ ᠰᠤᠯᠢᠯᠴᠠᠬᠤ ᠪᠣᠯᠣᠭᠰᠠᠨ᠎ᠳᠠᠭᠠᠨ ᠮᠠᠰᠢ ᠪᠠᠶᠠᠷᠲᠠᠢ ᠪᠠᠢ᠌ᠨ᠎ᠠ᠂ ᠰᠦᠯᠵᠢᠶᠡᠨ᠎ᠤ ᠠᠨᠳᠠ ᠨᠠᠷ ᠳ᠋ᠦᠩᠱ᠌ᠧᠩ᠎ᠤᠨ ᠰᠤᠷᠭ᠋ᠠᠨ ᠬᠥᠮᠦᠵᠢᠯ᠎ᠳᠤ ᠢᠯᠡᠭᠦᠬᠡᠨ ᠣᠢ᠌ᠯᠠᠭ᠋ᠠᠯᠲᠠ᠎ᠲᠠᠢ ᠪᠣᠯᠵᠤ᠂ ᠮᠠᠨ᠎ᠤ ᠠᠵᠢᠯ᠎ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ᠎ᠪᠠᠨ ᠳᠡᠪᠰᠢᠭᠦᠯᠬᠦ ᠵᠢ ᠬᠦᠰᠡᠵᠦ ᠪᠠᠢ᠌ᠨ᠎ᠠ᠃
ᠬᠥᠲᠥᠯᠥᠭᠴᠢ᠄
      ᠳ᠋ᠦᠩᠱ᠌ᠧᠩ ᠲᠣᠭᠣᠷᠢᠭ ᠪᠣᠯ ᠣᠷᠳᠣᠰ ᠬᠣᠲᠠ ᠵᠢᠨ ᠲᠥᠪ ᠲᠣᠭᠣᠷᠢᠭ᠎ᠲᠠᠬᠢ ᠭᠣᠣᠯ ᠬᠣᠲᠠ ᠵᠢᠨ ᠲᠣᠭᠤᠷᠢᠭ ᠪᠣᠯᠣᠨ᠎ᠠ᠂ ᠳ᠋ᠦᠩᠱ᠌ᠧᠩ ᠲᠣᠭᠣᠷᠢᠭ᠎ᠤᠨ ᠰᠤᠷᠭ᠋ᠠᠨ ᠬᠥᠮᠦᠵᠢᠯ᠎ᠨᠢ ᠴᠦ᠍ ᠰᠦᠯᠵᠢᠶᠡᠨ᠎ᠤ ᠨᠠᠶ᠋ᠢᠵᠠ ᠨᠠᠷ᠎ᠤᠨ ᠠᠩᠬᠠᠷᠤᠯ᠎ᠢ ᠲᠣᠩ ᠶᠡᠬᠡ ᠲᠠᠲᠠᠵᠤ ᠪᠠᠢ᠌ᠳᠠᠭ᠂ ᠲᠠ ᠳ᠋ᠦᠩᠱ᠌ᠧᠩ ᠲᠣᠭᠤᠷᠢᠭ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠪᠠᠶ᠋ᠢᠳᠠᠯ᠎ᠢ ᠲᠠᠨᠢᠯᠴᠠᠭᠤᠯᠤᠭ᠋ᠠᠳ ᠥᠭᠭᠦᠨ᠎ᠡ ᠤᠤ?
ᠯᠢ ᠶᠦᠨ᠄
      ᠳ᠋ᠦᠩᠱ᠌ᠧᠩ ᠲᠣᠭᠣᠷᠢᠭ ᠰᠤᠷᠭ᠋ᠠᠨ ᠬᠥᠮᠦᠵᠢᠯ᠎ᠢ ᠡᠩ ᠲᠡᠷᠢᠭᠦᠨ᠎ᠳᠤ ᠬᠥᠭᠵᠢᠭᠦᠯᠬᠦ ᠵᠢ ᠢᠮᠠᠭᠲᠠ ᠪᠠᠷᠢᠮᠲᠠᠯᠠᠵᠤ᠂ 《12 · 5》 ᠵᠢᠨ ᠬᠤᠭᠤᠴᠠᠭ᠋ᠠᠨ᠎ᠳᠤ ᠳ᠋ᠦᠩᠱ᠌ᠧᠩ ᠲᠣᠭᠣᠷᠢᠭ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠳᠤ 46.78 ᠳ᠋ᠦᠩᠰᠢᠭᠤᠷ ᠲᠥᠭᠥᠷᠢᠭ ᠵᠠᠷᠤᠴᠠᠭᠤᠯᠤᠭ᠋ᠠᠳ᠂ ᠰᠤᠷᠭ᠋ᠠᠨ ᠬᠥᠮᠦᠵᠢᠯ᠎ᠤᠨ ᠰᠠᠭᠤᠷᠢ ᠲᠠᠰᠤᠷᠠᠯᠲᠠ ᠦᠭᠡᠢ ᠪᠦᠷᠢᠨᠰᠢᠵᠦ᠂ ᠪᠠᠭᠰᠢ ᠵᠢᠨ ᠡᠩᠨᠡᠭᠡᠨ᠎ᠤ ᠬᠦᠴᠦᠨ ᠤᠯᠠᠮ᠎ᠠᠴᠠ ᠤᠯᠠᠮ ᠴᠢᠩᠭ᠋ᠠᠷᠠᠨ᠂ ᠰᠤᠷᠭ᠋ᠠᠭᠤᠯᠢ ᠡᠷᠬᠢᠯᠡᠬᠦ ᠬᠢᠷᠢ ᠬᠡᠮᠵᠢᠶ᠎ᠡ ᠮᠠᠰᠢ ᠶᠡᠬᠡᠪᠡᠷ ᠳᠡᠭᠡᠭᠰᠢᠯᠡᠵᠡᠢ᠃ ᠤᠳᠤ ᠪᠠᠶ᠋ᠢᠭ᠎ᠠ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠭᠤᠯᠢ ᠬᠡᠦᠬᠡᠳ᠎ᠤᠨ ᠴᠡᠴᠡᠷᠯᠢᠭ 118 ᠪᠠᠢ᠌ᠵᠤ᠂ ᠰᠤᠷᠭ᠋ᠠᠭᠤᠯᠢ (ᠬᠡᠦᠬᠡᠳ᠎ᠤᠨ ᠴᠡᠴᠡᠷᠯᠢᠭ)᠎ᠳᠤ ᠪᠠᠢ᠌ᠭ᠎ᠠ ᠰᠤᠷᠤᠭᠴᠢ ᠪᠣᠯᠤᠨ ᠬᠡᠦᠬᠡᠳ 77037 ᠪᠤᠢ᠃ ᠡᠭᠦᠨ᠎ᠳᠤ᠂ ᠠᠯᠪᠠᠨ᠎ᠠᠴᠠ ᠡᠷᠬᠢᠯᠡᠭᠰᠡᠨ ᠰᠤᠷᠭ᠋ᠠᠭᠤᠯᠢ 73᠂ ᠵᠢᠩᠬᠢᠨᠢ ᠪᠠᠭᠰᠢ ᠠᠵᠢᠯᠳᠠᠨ 5123 ᠬᠥᠮᠦᠨ ᠪᠠᠢ᠌ᠭ᠎ᠠ; ᠠᠷᠠᠳ᠎ᠠᠴᠠ ᠡᠷᠬᠢᠯᠡᠭᠰᠡᠨ ᠰᠤᠷᠭ᠋ᠠᠭᠤᠯᠢ 45᠂ ᠪᠠᠭᠰᠢ ᠠᠵᠢᠯᠳᠠᠨ 1662 ᠬᠥᠮᠦᠨ ᠪᠤᠢ᠃ 《12 · 5》 ᠵᠢᠨ ᠬᠤᠭᠤᠴᠠᠭ᠋ᠠᠨ᠎ᠳᠤ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠭᠤᠷᠪᠠᠨ ᠵᠢᠯ᠎ᠳᠤ ᠬᠡᠦᠬᠡᠳ᠎ᠤᠨ ᠴᠡᠴᠡᠷᠯᠢᠭ᠎ᠲᠤ ᠣᠷᠣᠬᠤ ᠨᠤᠷᠮ᠎ᠠ ᠨᠢᠭᠡᠨᠲᠡ 91.91%᠎ᠳᠤ ᠬᠦᠷᠪᠡ; ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ 《ᠶᠢᠰᠦᠨ ᠵᠢᠯ᠎ᠤᠨ ᠠᠯᠪᠠᠨ ᠵᠢᠷᠦᠮ᠎ᠤᠨ ᠰᠤᠷᠭ᠋ᠠᠨ ᠬᠥᠮᠥᠵᠢᠯ᠎ᠢ ᠴᠢᠨᠠᠷᠯᠢᠭ ᠲᠦᠭᠡᠮᠡᠯᠵᠢᠭᠦᠯᠬᠦ》 ᠵᠢ ᠪᠡᠶᠡᠯᠡᠭᠦᠯᠦᠭᠰᠡᠨ ᠬᠣᠰᠢᠭᠤ ᠲᠣᠭᠤᠷᠢᠭ ᠪᠣᠯᠣᠭᠰᠠᠨ᠎ᠤ ᠳᠠᠷᠠᠭ᠎ᠠ᠂ 2015 ᠣᠨ᠎ᠳᠤ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠪᠦᠯᠦᠭ ᠪᠦᠬᠦ ᠤᠯᠤᠰ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠦᠨᠳᠦᠰᠦᠨ᠎ᠳᠡᠭᠡᠨ ᠲᠡᠩᠴᠡᠭᠦᠷᠢᠲᠡᠢ ᠭᠦᠨᠵᠡᠭᠡᠢ᠌ᠷᠡᠭᠦᠯᠦᠭᠰᠡᠨ ᠲᠣᠭᠤᠷᠢᠭ ᠪᠣᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠨᠢ ᠣᠳᠣ ᠶᠠᠭ ᠦᠨᠳᠦᠰᠦᠨ ᠲᠡᠩᠴᠡᠭᠦᠷᠢ᠎ᠠᠴᠠ᠎ᠪᠠᠨ ᠴᠢᠨᠠᠷ ᠰᠠᠶ᠋ᠢᠲᠠᠶ ᠲᠡᠩᠴᠡᠭᠦᠷᠢ ᠵᠦᠭ ᠤᠷᠤᠭᠰᠢᠯᠠᠵᠤ ᠪᠠᠶ᠋ᠢᠨ᠎ᠠ; ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠲᠠᠯ᠎ᠠ᠎ᠪᠠᠷ᠂ ᠳ᠋ᠦᠩᠱ᠌ᠧᠩ ᠲᠣᠭᠣᠷᠢᠭ᠎ᠤᠨ ᠳ᠋ᠦᠩ ᠯᠢᠶᠠᠨ ᠤᠳᠤ ᠦᠶ᠎ᠡ ᠵᠢᠨ ᠳᠤᠮᠳᠠᠳᠤ ᠰᠤᠷᠭ᠋ᠠᠭᠤᠯᠢ᠎ᠨᠢ 2012 ᠣᠨ᠎ᠳᠤ 《ᠥᠪᠡᠷᠲᠡᠭᠡᠨ ᠵᠠᠰᠠᠬᠤ ᠣᠷᠣᠨ᠎ᠤ ᠵᠢᠱ᠌ᠢᠶ᠎ᠡ ᠦᠵᠡᠭᠦᠯᠬᠦ ᠴᠢᠨᠠᠷᠲᠠᠶ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ》᠎ᠪᠠᠷ ᠨᠡᠷᠡᠢ᠌ᠳᠦᠭᠳᠡᠪᠡ; ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠣᠯᠣᠨ ᠦᠨᠳᠦᠰᠦᠲᠡᠨ᠎ᠤ ᠰᠤᠷᠭ᠋ᠠᠨ ᠬᠥᠮᠦᠵᠢᠯ ᠴᠦ᠍ ᠲᠣᠭᠲᠠᠭᠤᠨ ᠵᠶ᠋ᠠᠷ ᠳᠡᠭᠡᠭᠰᠢᠯᠡᠵᠡᠶ᠃ ᠬᠡᠯᠡᠯᠭᠡᠨ ᠦᠭᠡᠢ᠂ ᠡᠨᠡ᠎ᠨᠢ ᠮᠠᠰᠢ ᠶᠡᠬᠡ ᠬᠡᠮᠵᠢᠶᠡᠨ ᠳᠡᠭᠡᠷ᠎ᠡ᠎ᠪᠠᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢᠨ ᠲᠠᠰᠤᠷᠠᠯᠲᠠ ᠦᠭᠡᠢ ᠭᠦᠨᠵᠡᠭᠡᠢ᠌ᠷᠡᠯᠲᠡ ᠠᠰᠢᠭ ᠬᠦᠷᠲᠡᠭᠰᠡᠨ ᠶᠠᠪᠤᠳᠠᠯ ᠪᠤᠯᠬᠤ ᠶᠤᠮ᠃

ᠬᠥᠲᠥᠯᠥᠭᠴᠢ᠄
      ᠳ᠋ᠦᠩᠱ᠌ᠧᠩ ᠲᠣᠭᠣᠷᠢᠭ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠣᠯᠠᠨ ᠵᠦᠢ᠍ᠯ᠎ᠤᠨ ᠠᠷᠭ᠎ᠠ ᠬᠡᠮᠵᠢᠶ᠎ᠡ᠎ᠨᠢ ᠵᠥᠪᠬᠡᠨ ᠣᠷᠳᠣᠰ ᠬᠣᠲᠠ᠎ᠳᠤ ᠲᠡᠷᠢᠭᠦᠯᠡᠵᠦ ᠪᠠᠢ᠌ᠬᠤ ᠪᠢᠰᠢ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠦᠬᠦ ᠤᠯᠤᠰ᠎ᠲᠤ ᠴᠥᠮ ᠲᠡᠷᠢᠭᠦᠯᠡᠵᠦ ᠪᠠᠢ᠌ᠨ᠎ᠠ᠃ ᠲᠠ ᠳ᠋ᠦᠩᠱ᠌ᠧᠩ ᠲᠣᠭᠣᠷᠢᠭ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠲᠠᠨᠢᠯᠴᠠᠭᠤᠯᠵᠤ ᠥᠭᠭᠦᠨ᠎ᠡ ᠦᠦ?
ᠯᠢ ᠶᠦᠨ᠄
      ᠡᠩ ᠲᠡᠷᠢᠭᠦᠨ᠎ᠳᠤ ᠰᠤᠷᠭ᠋ᠠᠨ ᠬᠥᠮᠦᠵᠢᠯ᠎ᠤᠨ ᠬᠠᠮᠢᠶᠠᠷᠤᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠬᠡᠷᠡᠭᠵᠢᠭᠦᠯᠪᠡ᠂ ᠳ᠋ᠦᠩᠱ᠌ᠧᠩ ᠲᠣᠭᠣᠷᠢᠭ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠤ ᠰᠤᠷᠭ᠋ᠠᠭᠤᠯᠢ ᠵᠢᠨ ᠲᠣᠭᠣᠷᠢᠭ᠎ᠤᠨ ᠳᠦᠷᠢᠮ᠎ᠢ ᠬᠠᠮᠤᠭ᠎ᠤᠨ ᠲᠡᠷᠢᠭᠦᠨ᠎ᠳᠤ ᠲᠤᠷᠰᠢᠨ ᠬᠡᠷᠡᠭᠵᠢᠭᠦᠯᠵᠦ᠂ ᠬᠠᠮᠢᠶᠠᠷᠬᠤ ᠡᠷᠬᠢᠯᠡᠬᠦ ᠬᠢᠨᠠᠬᠤ ᠵᠢ ᠰᠠᠯᠭ᠋ᠠᠬᠤ ᠲᠣᠭᠲᠠᠴᠠ ᠵᠢᠨ ᠥᠭᠡᠷᠡᠴᠢᠯᠡᠯᠲᠡ ᠵᠢ ᠠᠬᠢᠭᠤᠯᠵᠤ᠂ ᠲᠤᠰᠬᠠᠢ ᠬᠠᠷᠢᠭᠤᠴᠠᠯᠭ᠋ᠠᠲᠤ ᠰᠤᠷᠭ᠋ᠠᠭᠤᠯᠢ ᠪᠠᠶ᠋ᠢᠴᠠᠭ᠋ᠠᠭᠴᠢ 1 ᠬᠥᠮᠦᠨ᠂ ᠨᠡᠶ᠋ᠢᠭᠡᠮ᠎ᠤᠨ ᠲᠤᠰᠢᠶᠠᠯ ᠬᠠᠪᠰᠤᠷᠭ᠋ᠠᠵᠤ ᠪᠠᠶ᠋ᠢᠭ᠎ᠠ ᠰᠤᠷᠭ᠋ᠠᠭᠤᠯᠢ ᠪᠠᠶ᠋ᠢᠴᠠᠭ᠋ᠠᠭᠴᠢ 2 ᠬᠥᠮᠦᠨ ᠲᠣᠬᠢᠷᠠᠭᠤᠯᠵᠤ᠂ 《ᠵᠠᠰᠠᠭ᠎ᠤᠨ ᠣᠷᠳᠣᠨ ᠰᠤᠷᠭ᠋ᠠᠨ ᠬᠥᠮᠦᠵᠢᠯ᠎ᠢ ᠬᠠᠮᠢᠶᠠᠷᠴᠤ᠂ ᠰᠤᠷᠭ᠋ᠠᠭᠤᠯᠢ ᠰᠤᠷᠭ᠋ᠠᠨ ᠬᠥᠮᠦᠵᠢᠯ᠎ᠢ ᠡᠷᠬᠢᠯᠡᠵᠦ᠂ ᠨᠡᠶ᠋ᠢᠭᠡᠮ ᠰᠤᠷᠭ᠋ᠠᠨ ᠬᠥᠮᠦᠵᠢᠯ᠎ᠢ ᠦᠨᠡᠯᠡᠬᠦ》 ᠪᠠᠶ᠋ᠢᠷᠢᠰᠢᠯ᠎ᠢ ᠦᠨᠳᠦᠰᠦᠨ᠎ᠳᠡᠭᠡᠨ ᠪᠦᠷᠢᠯᠳᠦᠭᠦᠯᠪᠡ᠃ ᠳᠠᠷᠠᠭ᠎ᠠ᠎ᠳᠤᠨᠢ ᠰᠤᠷᠭ᠋ᠠᠨ ᠬᠥᠮᠦᠵᠢᠯ᠎ᠤᠨ ᠶᠡᠷᠦᠩᠬᠡᠶ᠋ᠢᠯᠡᠭᠰᠡᠨ ᠠᠵᠢᠯᠲᠠᠨ᠎ᠤ ᠶᠠᠪᠤᠳᠠᠯ᠎ᠤᠨ ᠲᠦᠷᠢᠮ᠎ᠤᠨ ᠥᠭᠡᠷᠡᠴᠢᠯᠡᠯᠲᠡ ᠵᠢ ᠲᠦᠯᠬᠢᠨ ᠠᠬᠢᠭᠤᠯᠪᠠ᠂ ᠰᠤᠷᠭ᠋ᠠᠭᠤᠯᠢ ᠴᠡᠴᠡᠷᠯᠢᠭ᠎ᠤᠨ ᠵᠠᠬᠢᠷᠤᠯ᠎ᠤᠨ ᠬᠠᠷᠢᠭᠤᠴᠠᠬᠤ ᠳᠦᠷᠢᠮ᠂ ᠲᠤᠰᠢᠶᠠᠯ᠎ᠤᠨ ᠳᠡᠰ᠎ᠤᠨ ᠳᠦᠷᠢᠮ᠂ ᠪᠠᠭᠰᠢ ᠠᠵᠢᠯᠲᠠᠨ᠎ᠢ ᠤᠷᠢᠨ ᠬᠡᠷᠡᠭᠯᠡᠬᠦ ᠳᠦᠷᠢᠮ ᠪᠣᠯᠤᠨ ᠠᠵᠢᠯ᠎ᠤᠨ ᠦᠷ᠎ᠡ ᠪᠦᠲᠦᠮᠵᠢ ᠵᠢ ᠬᠢᠨᠠᠨ ᠰᠢᠯᠭ᠋ᠠᠬᠤ ᠳᠦᠷᠢᠮ᠂ ᠰᠤᠷᠭ᠋ᠠᠭᠤᠯᠢ ᠴᠡᠴᠡᠷᠯᠢᠭ᠎ᠤᠨ ᠵᠠᠬᠢᠷᠤᠯ᠂ ᠪᠠᠭᠰᠢ ᠵᠢ ᠰᠣᠯᠢᠯᠴᠠᠭᠤᠯᠤᠨ ᠡᠭᠡᠯᠵᠢᠯᠡᠭᠦᠯᠬᠦ ᠲᠦᠷᠢᠮ᠎ᠢ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠤ ᠬᠠᠮᠤᠭ᠎ᠤᠨ ᠲᠡᠷᠢᠭᠦᠨ᠎ᠳᠤ ᠬᠡᠷᠡᠭᠵᠢᠭᠦᠯᠵᠦ᠂ 《ᠳ᠋ᠦᠩᠱ᠌ᠧᠩ᠎ᠤᠨ ᠰᠤᠷᠭ᠋ᠠᠨ ᠬᠥᠮᠦᠵᠢᠯ᠎ᠤᠨ ᠣᠨᠴᠠᠭ᠋ᠠᠶ ᠱᠠᠩᠨᠠᠯ》᠎ᠢ ᠪᠠᠢ᠌ᠭᠤᠯᠵᠤ᠂ ᠳ᠋ᠦᠩᠱ᠌ᠧᠩ᠎ᠤᠨ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠨᠢᠭᠲᠠᠷᠠᠯ᠎ᠤᠨ ᠬᠦᠴᠦᠨ ᠪᠠ ᠤᠷᠢᠶᠠᠯᠠᠬᠤ ᠬᠦᠴᠦᠨ᠎ᠢ ᠴᠢᠩᠭ᠋ᠠᠷᠠᠭᠤᠯᠵᠤ᠂ ᠥᠷᠭᠡᠨ ᠣᠯᠠᠨ ᠰᠤᠷᠭ᠋ᠠᠨ ᠬᠥᠮᠦᠵᠢᠯ᠎ᠤᠨ ᠠᠵᠢᠯᠲᠠᠳ᠎ᠤᠨ ᠵᠣᠷᠢᠭ ᠲᠡᠭᠦᠯᠳᠡᠷ ᠵᠶ᠋ᠠᠷ ᠤᠷᠤᠭᠰᠢᠯᠠᠬᠤ᠎ᠢ᠎ᠨᠢ ᠵᠣᠷᠢᠭᠵᠢᠭᠤᠯᠵᠤ᠂ ᠤᠯᠤᠰ ᠲᠦᠷᠦ ᠪᠠ ᠲᠤᠬᠠᠶ᠋ᠢᠯᠠᠭᠰᠠᠨ ᠠᠵᠢᠯ᠎ᠤᠨ ᠬᠡᠪ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠶᠠᠰᠤ ᠴᠢᠨᠠᠷ᠎ᠢ ᠳᠡᠭᠡᠭᠰᠢᠯᠡᠭᠦᠯᠵᠦ᠂ ᠳ᠋ᠦᠩᠱ᠌ᠧᠩ᠎ᠤᠨ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠶ ᠲᠡᠩᠴᠡᠭᠦᠷᠢᠲᠡᠶ ᠬᠥᠭᠵᠢᠭᠦᠯᠬᠦ ᠵᠢ ᠲᠦᠷᠬᠡᠨ ᠠᠬᠢᠭᠤᠯᠵᠤ᠂ ᠨᠡᠶ᠋ᠢᠭᠡᠮ ᠳᠠᠶᠠᠭ᠋ᠠᠷ᠎ᠲᠤ ᠪᠠᠭᠰᠢ ᠵᠢ ᠬᠦᠨᠳᠦᠳᠬᠡᠵᠦ ᠰᠤᠷᠭ᠋ᠠᠨ ᠬᠥᠮᠦᠵᠢᠯ᠎ᠢ ᠴᠢᠬᠤᠯᠠᠴᠢᠯᠠᠬᠤ ᠰᠠᠢ᠍ᠢ᠍ᠨ ᠰᠠᠶ᠋ᠢᠬᠠᠨ ᠠᠭᠤᠷ ᠠᠮᠢᠰᠬᠤᠯ᠎ᠢ ᠤᠯᠠᠮ ᠨᠢᠭᠡ ᠠᠯᠬᠤᠮ ᠪᠤᠢ ᠪᠣᠯᠭ᠋ᠠᠪᠠ᠃ ᠡᠭᠦᠨ᠎ᠤ ᠬᠠᠮᠲᠤ᠂ ᠬᠡᠪ ᠪᠣᠯᠪᠠᠰᠤᠷᠠᠯ᠎ᠤᠨ ᠰᠤᠷᠭ᠋ᠠᠨ ᠬᠥᠮᠦᠵᠢᠯ᠎ᠢ ᠴᠢᠩᠭ᠋ᠠᠳᠬᠠᠵᠤ᠂ ᠰᠤᠷᠭ᠋ᠠᠭᠤᠯᠢ ᠵᠢᠨ ᠭᠠᠳᠠᠨᠠᠬᠢ ᠶᠡᠷᠦᠩᠬᠡᠶ᠋ᠢᠯᠡᠭᠰᠡᠨ ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠵᠦ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠦᠢ᠍ᠯᠡᠰ᠎ᠢ ᠬᠥᠭᠵᠢᠭᠦᠯᠵᠦ᠂ ᠭᠤᠸ᠎ᠠ ᠰᠠᠶ᠋ᠢᠬᠠᠨ᠎ᠤ ᠬᠥᠮᠦᠵᠢᠯ᠎ᠢ ᠶᠡᠬᠡᠪᠡᠷ ᠬᠥᠭᠵᠢᠭᠦᠯᠪᠡ; ᠬᠢᠴᠢᠶᠡᠯ ᠪᠠ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠭᠤᠷᠪᠠᠨ ᠱᠠᠲᠤᠨ᠎ᠤ ᠬᠢᠴᠢᠶᠡᠯ᠎ᠤᠨ ᠰᠢᠰᠲ᠋ᠧᠮᠵᠢ᠂ 《ᠭᠡᠷ᠎ᠤᠨ ᠠᠬᠠᠮᠠᠳ ᠰᠤᠷᠭ᠋ᠠᠭᠤᠯᠢ ᠨᠡᠢ᠌ᠭᠡᠮ》 ᠭᠤᠷᠪᠠ ᠵᠢ ᠨᠢᠭᠡ ᠴᠤᠭᠴᠠᠵᠢᠭᠤᠯᠤᠭᠰᠠᠨ ᠰᠤᠷᠭ᠋ᠠᠨ ᠬᠥᠮᠦᠵᠢᠯ᠎ᠤᠨ ᠰᠢᠰᠲ᠋ᠧᠮᠵᠢ ᠵᠢ ᠪᠠᠢ᠌ᠭᠤᠯᠵᠤ᠂ 《ᠣᠶᠣᠨᠲᠤ ᠰᠤᠷᠭ᠋ᠠᠭᠤᠯᠢ ᠵᠢᠨ ᠬᠦᠷᠢᠶ᠎ᠡ》 ᠵᠢᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠪᠣᠯᠪᠠᠰᠤᠷᠠᠯ᠎ᠢ ᠤᠯᠠᠮ ᠢᠯᠡᠳᠲᠡ ᠳᠡᠭᠡᠭᠰᠢᠯᠡᠭᠦᠯᠪᠡ᠃
ᠬᠥᠲᠥᠯᠥᠭᠴᠢ᠄
      ᠰᠤᠷᠭ᠋ᠠᠭᠤᠯᠢ ᠵᠢᠨ ᠲᠣᠭᠣᠷᠢᠭ᠎ᠤᠨ ᠲᠦᠷᠢᠮ᠎ᠨᠢ ᠤᠯᠠᠨ᠎ᠳᠤ ᠠᠪᠴᠤ ᠬᠡᠯᠡᠪᠡᠯ ᠰᠢᠨ᠎ᠡ ᠬᠡᠷᠡᠭ ᠪᠣᠳᠠᠰ ᠪᠣᠯᠣᠨ᠎ᠠ᠂ ᠯᠢ ᠳᠠᠷᠤᠭ᠎ᠠ ᠲᠠ ᠳ᠋ᠦᠩᠱ᠌ᠧᠩ ᠲᠣᠭᠣᠷᠢᠭ᠎ᠤᠨ ᠰᠤᠷᠭ᠋ᠠᠭᠤᠯᠢ ᠵᠢᠨ ᠲᠣᠭᠣᠷᠢᠭ᠎ᠤᠨ ᠲᠦᠷᠢᠮ᠎ᠤᠨ ᠪᠠᠶ᠋ᠢᠭᠤᠯᠤᠯᠲᠠ ᠵᠢᠨ ᠲᠠᠯ᠎ᠠ᠎ᠪᠠᠷ᠎ᠬᠢ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠵᠢ ᠶᠠᠷᠢᠭ᠋ᠠᠳ ᠥᠭᠭᠦᠨ᠎ᠡ ᠦᠦ?
ᠯᠢ ᠶᠦᠨ᠄
      ᠪᠢᠳᠠ ᠭᠦᠢ᠍ᠴᠡᠳ ᠪᠠᠶ᠋ᠢᠴᠠᠭ᠋ᠠᠨ ᠰᠣᠳᠣᠯᠠᠭ᠋ᠠᠳ ᠨᠤᠲᠠᠯᠠᠭᠰᠠᠨ᠎ᠤ ᠰᠠᠭᠤᠷᠢᠨ ᠳᠡᠭᠡᠷ᠎ᠡ᠂ 《ᠳ᠋ᠦᠩᠱ᠌ᠧᠩ ᠲᠣᠭᠣᠷᠢᠭ᠎ᠤᠨ ᠰᠤᠷᠭ᠋ᠠᠭᠤᠯᠢ ᠵᠢᠨ ᠲᠣᠭᠣᠷᠢᠭ᠎ᠤᠨ ᠲᠦᠷᠢᠮ᠎ᠤᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠲᠥᠰᠦᠯ》᠎ᠢ ᠲᠤᠭᠲᠠᠭ᠋ᠠᠪᠠ᠂ ᠣᠷᠣᠨ ᠪᠦᠰᠡ ᠵᠢᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠪᠣᠳᠠᠲᠤ ᠪᠠᠶ᠋ᠢᠳᠠᠯ᠎ᠢ ᠦᠨᠳᠦᠰᠦᠯᠡᠨ᠂ ᠳ᠋ᠦᠩᠱ᠌ᠧᠩ ᠲᠣᠭᠣᠷᠢᠭ᠎ᠢ ᠳᠥᠷᠪᠡᠨ ᠶᠡᠬᠡ ᠰᠤᠷᠭ᠋ᠠᠭᠤᠯᠢ ᠵᠢᠨ ᠲᠣᠭᠣᠷᠢᠭ ᠪᠣᠯᠭ᠋ᠠᠨ ᠬᠤᠪᠢᠶᠠᠵᠤ᠂ ᠰᠤᠷᠭ᠋ᠠᠭᠤᠯᠢ ᠵᠢᠨ ᠲᠣᠭᠣᠷᠢᠭ ᠳᠣᠲᠣᠷ᠎ᠠ ᠶᠣᠰᠣ ᠮᠣᠷᠠᠯ᠎ᠤᠨ ᠬᠥᠮᠦᠵᠢᠯ᠎ᠤᠨ ᠠᠵᠢᠯ᠂ ᠪᠠᠭᠰᠢ ᠨᠠᠷ᠎ᠢ ᠪᠣᠯᠪᠠᠰᠤᠷᠠᠭᠤᠯᠬᠤ᠂ ᠬᠢᠴᠢᠶᠡᠯ᠎ᠤᠨ ᠡᠬᠢ ᠪᠠᠶᠠᠯᠢᠭ᠂ ᠵᠢᠭ᠋ᠠᠨ ᠰᠤᠷᠭ᠋ᠠᠬᠤ ᠡᠬᠢ ᠪᠠᠶᠠᠯᠢᠭ᠂ ᠵᠠᠷᠤᠳᠠᠯ ᠬᠡᠷᠡᠭᠯᠡᠬᠦ᠂ ᠬᠢᠨᠠᠨ ᠰᠢᠯᠭ᠋ᠠᠵᠤ ᠦᠨᠡᠯᠡᠬᠦ 《ᠵᠢᠷᠭᠤᠭ᠎ᠠ ᠵᠢ ᠨᠢᠭᠡ ᠴᠤᠭᠴᠠᠵᠢᠭᠤᠯᠬᠤ》 ᠵᠢ ᠲᠤᠷᠰᠢᠨ ᠬᠡᠷᠡᠭᠵᠢᠭᠦᠯᠪᠡ᠃ ᠣᠳᠣᠬᠠᠨ᠎ᠳᠤ᠂ ᠲᠤᠷᠰᠢᠯᠲᠠ ᠵᠢᠨ ᠳᠤᠮᠳᠠᠳᠤ ᠰᠤᠷᠭ᠋ᠠᠭᠤᠯᠢ ᠪᠣᠯᠣᠨ ᠸᠸᠨ ᠳ᠋ᠸ ᠳᠤᠮᠳᠠᠳᠤ ᠰᠤᠷᠭ᠋ᠠᠭᠤᠯᠢ ᠵᠡᠷᠭᠡ 7 ᠪᠦᠯᠦᠭ ᠰᠤᠷᠭ᠋ᠠᠭᠤᠯᠢ ᠵᠢᠨ 《ᠨᠢᠭᠡ ᠰᠤᠷᠭ᠋ᠠᠭᠤᠯᠢ ᠬᠣᠶᠠᠷ ᠭᠠᠵᠠᠷ》 ᠰᠤᠷᠭ᠋ᠠᠭᠤᠯᠢ ᠡᠷᠬᠢᠯᠡᠬᠦ᠂ ᠶᠢᠰᠦᠨ ᠵᠢᠯ᠎ᠤᠨ ᠲᠤᠤᠱᠲᠤ ᠳᠦᠷᠢᠮ ᠵᠶ᠋ᠡᠷ ᠰᠤᠷᠭ᠋ᠠᠭᠤᠯᠢ ᠡᠷᠬᠢᠯᠡᠬᠦ᠂ ᠴᠢᠨᠠᠷ ᠰᠠᠶ᠋ᠢᠲᠠᠶ ᠰᠤᠷᠭ᠋ᠠᠭᠤᠯᠢ᠎ᠳᠤ ᠬᠤᠪᠢᠶᠠᠷᠢ ᠰᠤᠷᠭ᠋ᠠᠭᠤᠯᠢ ᠪᠠᠶ᠋ᠢᠭᠤᠯᠬᠤ᠂ ᠥᠪᠡᠷᠲᠡᠭᠡᠨ ᠵᠠᠰᠠᠬᠤ ᠣᠷᠣᠨ᠎ᠤ ᠵᠢᠱ᠌ᠢᠶ᠎ᠡ ᠦᠵᠡᠭᠦᠯᠬᠦ ᠴᠢᠨᠠᠷᠲᠠᠶ 6 ᠬᠡᠦᠬᠡᠳ᠎ᠤᠨ ᠴᠡᠴᠡᠷᠯᠢᠭ᠎ᠲᠤ ᠬᠤᠪᠢᠶᠠᠷᠢ ᠬᠦᠷᠢᠶᠡᠯᠡᠩ ᠪᠠᠶ᠋ᠢᠭᠤᠯᠬᠤ ᠠᠵᠢᠯ᠎ᠢ ᠨᠢᠭᠡᠨᠲᠡ ᠪᠡᠶᠡᠯᠡᠭᠦᠯᠪᠡ᠃ ᠨᠢᠭᠡ ᠵᠢᠯ᠎ᠤᠨ ᠲᠤᠷᠰᠢᠬᠢ ᠰᠢᠮᠳᠠᠭᠤᠯᠤᠨ ᠵᠢᠯᠣᠭᠣᠳᠴᠤ ᠦᠨᠡᠯᠡᠭᠰᠡᠨ ᠦᠷ᠎ᠡ ᠳ᠋ᠦᠩ᠎ᠢ ᠦᠨᠳᠦᠰᠦᠯᠡᠪᠡᠯ᠂ ᠤᠤᠯ᠎ᠤᠨ ᠨᠥᠬᠥᠴᠡᠯ ᠵᠶ᠋ᠡᠷ ᠬᠠᠷᠢᠴᠠᠩᠭᠤᠶ ᠪᠠᠭᠤᠷᠠᠢ ᠰᠤᠷᠭ᠋ᠠᠭᠤᠯᠢ᠂ ᠰᠢᠨ᠎ᠡ᠎ᠪᠠᠷ ᠪᠠᠢ᠌ᠭᠤᠯᠤᠭᠰᠠᠨ ᠰᠤᠷᠭ᠋ᠠᠭᠤᠯᠢ ᠵᠢᠨ ᠰᠤᠷᠭ᠋ᠠᠨ ᠬᠥᠮᠦᠵᠢᠭᠦᠯᠬᠦ ᠪᠠ ᠵᠢᠭ᠋ᠠᠨ ᠰᠤᠷᠭ᠋ᠠᠬᠤ ᠶᠠᠰᠤ ᠴᠢᠨᠠᠷ᠎ᠤᠨ ᠳᠡᠭᠡᠭᠰᠢᠯᠡᠯᠲᠡ ᠢᠯᠡᠷᠬᠡᠢ ᠲᠦᠷᠭᠡᠳᠦᠭᠰᠡᠨ ᠪᠠᠢ᠌ᠨ᠎ᠠ᠃ ᠤᠳᠤ ᠶᠠᠭ ᠭᠠᠭᠴᠠ ᠨᠡᠷᠡᠲᠦ ᠰᠤᠷᠭ᠋ᠠᠭᠤᠯᠢ ᠣᠯᠠᠨ ᠬᠤᠪᠢᠶᠠᠷᠢ ᠰᠤᠷᠭ᠋ᠠᠭᠤᠯᠢ ᠵᠢ ᠲᠡᠳᠬᠦᠬᠦ ᠰᠤᠷᠭ᠋ᠠᠭᠤᠯᠢ ᠡᠷᠬᠢᠯᠡᠬᠦ ᠬᠡᠯᠪᠡᠷᠢ ᠵᠢ ᠬᠠᠶ᠋ᠢᠨ ᠰᠦᠪᠡᠭᠴᠢᠯᠡᠨ ᠲᠤᠷᠰᠢᠨ ᠬᠡᠷᠡᠭᠵᠢᠭᠦᠯᠵᠦ᠂ ᠡᠭᠦᠨ᠎ᠤ ᠬᠠᠮᠲᠤ ᠰᠤᠷᠭ᠋ᠠᠭᠤᠯᠢ ᠵᠢᠨ ᠲᠣᠭᠣᠷᠢᠭ᠎ᠢ ᠰᠠᠯᠭ᠋ᠠᠨ ᠬᠤᠪᠢᠶᠠᠷᠢᠯᠠᠬᠣ ᠵᠢᠨ ᠰᠢᠨᠵᠢᠯᠡᠬᠦ ᠤᠬᠠᠭ᠋ᠠᠨᠴᠢ ᠴᠢᠨᠠᠷ᠎ᠢ ᠤᠯᠠᠮ ᠨᠢᠭᠡ ᠠᠯᠬᠤᠮ ᠰᠢᠯᠭ᠋ᠠᠨ ᠪᠠᠲᠤᠯᠠᠵᠤ᠂ ᠴᠡᠴᠡᠷᠯᠢᠭ ᠪᠠᠭ᠎ᠠ ᠰᠤᠷᠭ᠋ᠠᠭᠤᠯᠢ ᠠᠩᠬ᠎ᠠ ᠳᠤᠮᠳᠠᠳᠤ ᠵᠢ ᠵᠣᠯᠭ᠋ᠠᠭᠤᠯᠬᠤ ᠰᠤᠷᠭ᠋ᠠᠨ ᠬᠥᠮᠥᠵᠢᠯ᠎ᠢ ᠴᠢᠩᠭ᠋ᠠᠳᠬᠠᠵᠤ᠂ ᠰᠤᠷᠭ᠋ᠠᠭᠤᠯᠢ ᠵᠢᠨ ᠲᠣᠭᠣᠷᠢᠭ᠎ᠤᠨ ᠺᠤᠮᠢᠰ᠎ᠢ ᠪᠠᠶ᠋ᠢᠭᠤᠯᠵᠤ᠂ ᠰᠤᠷᠭ᠋ᠠᠭᠤᠯᠢ ᠵᠢᠨ ᠲᠣᠭᠣᠷᠢᠭ ᠲᠣᠲᠣᠷᠠᠬᠢ ᠬᠥᠮᠦᠨ᠂ ᠡᠳ᠋᠂ ᠪᠣᠳᠠᠰ ᠵᠡᠷᠭᠡ ᠰᠤᠷᠭ᠋ᠠᠨ ᠬᠥᠮᠦᠵᠢᠯ᠎ᠤᠨ ᠡᠯ᠎ᠡ ᠲᠦᠷᠦᠯ᠎ᠤᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ ᠵᠠᠬᠢᠷᠤᠨ ᠲᠣᠬᠢᠷᠠᠭᠤᠯᠵᠤ᠂ 《ᠪᠦᠯᠬᠦᠮᠴᠢᠯᠡᠨ ᠬᠥᠭᠵᠢᠭᠦᠯᠬᠦ᠂ ᠬᠣᠯᠪᠣᠭ᠋ᠠᠨ ᠲᠦᠯᠬᠢᠨ ᠠᠬᠢᠭᠤᠯᠬᠤ᠂ 〈421〉᠎ᠪᠠᠷ ᠪᠠᠢ᠌ᠷᠢᠯᠠᠭᠤᠯᠵᠤ᠂ ᠴᠡᠴᠡᠷᠯᠢᠭ ᠪᠠᠭ᠎ᠠ ᠰᠤᠷᠭ᠋ᠠᠭᠤᠯᠢ ᠠᠩᠬ᠎ᠠ ᠳᠤᠮᠳᠠᠳᠤ ᠵᠢ ᠵᠣᠯᠭ᠋ᠠᠭᠤᠯᠬᠤ》 ᠪᠦᠷᠢᠨ ᠪᠦᠲᠦᠨ ᠰᠤᠷᠭ᠋ᠠᠭᠤᠯᠢ ᠵᠢᠨ ᠲᠣᠭᠣᠷᠢᠭ᠎ᠤᠨ ᠲᠦᠷᠢᠮ᠎ᠤᠨ ᠬᠠᠮᠢᠶᠠᠷᠤᠯᠲᠠ ᠵᠢᠨ ᠪᠠᠶ᠋ᠢᠭᠤᠯᠤᠯ ᠪᠣᠯᠤᠨ ᠠᠵᠢᠯᠯᠠᠭ᠋ᠠᠨ᠎ᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠰᠤᠷᠭ᠋ᠠᠭᠤᠯᠢ ᠵᠢᠨ ᠬᠣᠭᠣᠷᠣᠨᠳᠣᠬᠢ ᠰᠤᠷᠭ᠋ᠠᠭᠤᠯᠢ ᠡᠷᠭᠢᠯᠡᠬᠦ ᠵᠥᠷᠢᠶ᠎ᠡ ᠵᠢ ᠲᠠᠰᠤᠷᠠᠯᠳᠠ ᠦᠭᠡᠢ ᠪᠠᠭ᠋ᠠᠰᠬᠠᠵᠤ᠂ ᠴᠢᠨᠠᠷ ᠰᠠᠶ᠋ᠢᠲᠠᠶ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠦᠷ᠎ᠡ ᠠᠰᠢᠭ᠎ᠢ ᠬᠠᠮᠤᠭ᠎ᠤᠨ ᠶᠡᠬᠡ᠎ᠪᠠᠷ ᠪᠠᠳᠠᠷᠠᠭᠤᠯᠬᠤ ᠪᠠ ᠰᠢᠨ᠎ᠡ᠎ᠪᠠᠷ ᠪᠠᠶ᠋ᠢᠭᠤᠯᠤᠭᠰᠠᠨ ᠰᠤᠷᠭ᠋ᠠᠭᠤᠯᠢ ᠵᠢ ᠲᠦᠷᠭᠡᠨ ᠪᠣᠶ᠋ᠢᠵᠢᠭᠤᠯᠬᠤ ᠵᠢ ᠠᠬᠢᠭᠤᠯᠵᠤ ᠪᠠᠢ᠌ᠨ᠎ᠠ᠃
ᠬ᠋᠊ ᠊ᠥ᠋ᠲᠥᠯᠥᠭᠴᠢ᠄
      ᠯᠢ ᠳᠠᠷᠤᠭ᠎ᠠ ᠡ᠂ ᠰᠤᠷᠭ᠋ᠠᠭᠤᠯᠢ ᠵᠢᠨ ᠲᠣᠭᠣᠷᠢᠭ᠎ᠤᠨ ᠳᠦᠷᠢᠮ᠎ᠠᠴᠠ ᠭᠠᠳᠠᠨ᠎ᠠ ᠳ᠋ᠦᠩᠱ᠌ᠧᠩ ᠲᠣᠭᠣᠷᠢᠭ᠎ᠤᠨ ᠲᠠᠷᠠᠭ᠋ᠠᠴᠢ ᠵᠢᠨ ᠠᠯᠬᠤᠮ᠎ᠳᠤ ᠪᠠᠰᠠ ᠶᠠᠮᠠᠷ ᠶᠠᠮᠠᠷ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠠᠪᠬᠤ ᠪᠤᠢ?
ᠯᠢ ᠶᠦᠨ᠄
      ᠡᠨᠡ ᠵᠢᠯ᠎ᠠᠴᠠ ᠨᠠᠰᠢ᠂ ᠢᠳᠡᠪᠬᠢᠲᠡᠶ ᠪᠡᠯᠡᠳᠬᠡᠬᠦ ᠪᠠ ᠲᠡᠮᠡᠴᠡᠨ ᠤᠯᠬᠤ᠎ᠪᠠᠷ ᠳᠠᠮᠵᠢᠨ᠂ ᠳ᠋ᠦᠩᠱ᠌ᠧᠩ ᠲᠣᠭᠣᠷᠢᠭ ᠨᠢᠭᠡᠨᠲᠡ ᠣᠷᠳᠣᠰ ᠬᠣᠲᠠ ᠵᠢᠨ ᠨᠠᠮ᠎ᠤᠨ ᠬᠣᠷᠢᠶ᠎ᠠ᠂ ᠬᠤᠳᠡ ᠵᠢᠨ ᠵᠠᠰᠠᠭ᠎ᠤᠨ ᠣᠷᠳᠣᠨ᠎ᠳᠤ 《ᠪᠦᠬᠦ ᠬᠣᠲᠠ ᠵᠢᠨ ᠰᠠᠭᠤᠷᠢ ᠰᠤᠷᠭ᠋ᠠᠨ ᠬᠥᠮᠦᠵᠢᠯ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠷᠰᠢᠯᠲᠠ ᠵᠢᠨ ᠲᠤᠭᠤᠷᠢᠭ》 ᠵᠶ᠋ᠠᠷ ᠲᠤᠭᠲᠠᠭ᠋ᠠᠭᠳᠠᠪᠠ᠃ ᠳᠠᠷᠠᠭ᠋ᠠᠴᠢ ᠵᠢᠨ ᠠᠯᠬᠤᠮ᠎ᠳᠤ᠂ ᠳ᠋ᠦᠩᠱ᠌ᠧᠩ ᠲᠣᠭᠣᠷᠢᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ ᠠᠰᠢᠭᠯᠠᠬᠤ᠂ ᠬᠠᠮᠢᠶᠠᠷᠤᠯᠲᠠ ᠵᠢᠨ ᠪᠠᠶ᠋ᠢᠭᠤᠯᠤᠯ᠂ ᠠᠵᠢᠯᠲᠠᠨ᠎ᠤ ᠬᠠᠮᠢᠶᠠᠷᠬᠤ ᠳᠦᠷᠢᠮ᠂ ᠰᠤᠷᠤᠭᠴᠢ ᠡᠯᠰᠡᠬᠦ ᠳᠦᠷᠢᠮ ᠪᠠ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ᠎ᠪᠠᠷ ᠭᠣᠣᠯ ᠪᠣᠯᠭ᠋ᠠᠭᠰᠠᠨ ᠰᠠᠭᠤᠷᠢ ᠰᠤᠷᠭ᠋ᠠᠨ ᠬᠥᠮᠦᠵᠢᠯ᠎ᠤᠨ ᠶᠡᠷᠦᠩᠬᠡᠶ᠋ᠢᠯᠡᠭᠰᠡᠨ ᠦᠭᠡᠷᠡᠴᠢᠯᠡᠯᠲᠡ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ᠃ ᠬᠠᠮᠢᠶᠠᠷᠤᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠠᠯ᠎ᠠ᠎ᠪᠠᠷ᠂ ᠰᠤᠷᠭ᠋ᠠᠭᠤᠯᠢ᠎ᠪᠠᠨ ᠬᠠᠤᠯᠢ ᠶᠤᠰᠤᠭ᠋ᠠᠷ ᠵᠠᠰᠠᠬᠤ ᠠᠵᠢᠯ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠰᠤᠷᠭ᠋ᠠᠭᠤᠯᠢ ᠵᠢᠨ ᠳᠦᠷᠢᠮ᠎ᠢ ᠵᠠᠰᠠᠪᠤᠷᠢᠯᠠᠨ ᠲᠣᠭᠲᠠᠭ᠋ᠠᠬᠤ ᠵᠢ ᠲᠦᠷᠭᠡᠳᠬᠡᠵᠦ᠂ ᠡᠯ᠎ᠡ ᠲᠦᠷᠦᠯ᠎ᠤᠨ ᠪᠠᠶ᠋ᠢᠭᠤᠯᠤᠯ᠎ᠤᠨ ᠰᠢᠰᠲ᠋ᠧᠮ᠎ᠢ ᠪᠦᠷᠢᠨᠰᠢᠭᠦᠯᠵᠦ᠂ ᠤᠳᠤ ᠦᠶ᠎ᠡ ᠵᠢᠨ   ᠰᠤᠷᠭ᠋ᠠᠭᠤᠯᠢ ᠵᠢᠨ ᠳᠦᠷᠢᠮ᠎ᠢ ᠪᠠᠢ᠌ᠭᠤᠯᠤᠨ᠎ᠠ; ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠶᠠᠰᠤ ᠴᠢᠨᠠᠷ᠎ᠢ ᠶᠡᠷᠦᠩᠬᠡᠶ᠋ᠢᠯᠡᠨ ᠦᠨᠡᠯᠡᠬᠦ ᠰᠢᠰᠲ᠋ᠧᠮ᠎ᠢ ᠪᠦᠷᠢᠨᠰᠢᠭᠦᠯᠵᠦ᠂ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠪᠠ ᠦᠨᠡᠯᠡᠨ ᠵᠢᠱ᠌ᠢᠵᠦ ᠬᠢᠨᠠᠨ ᠰᠢᠯᠭ᠋ᠠᠬᠤ ᠠᠵᠢᠯ᠎ᠢ ᠬᠠᠤᠯᠢ ᠶᠣᠰᠣᠭ᠋ᠠᠷ ᠰᠢᠨᠵᠢᠯᠡᠬᠦ ᠤᠬᠠᠭ᠋ᠠᠨᠴᠢ᠎ᠪᠠᠷ ᠬᠡᠷᠡᠭᠵᠢᠭᠦᠯᠦᠨ᠎ᠡ; ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠰᠤᠷᠭ᠋ᠠᠭᠤᠯᠢ ᠵᠢᠨ ᠬᠦᠭᠵᠢᠯᠲᠡ᠎ᠳᠤ ᠦᠢ᠍ᠯᠡᠴᠢᠯᠡᠬᠦ ᠠᠵᠢᠯ᠎ᠤᠨ ᠬᠢᠷᠢ ᠬᠡᠮᠵᠢᠶ᠎ᠡ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ 《ᠬᠠᠮᠢᠶᠠᠷᠬᠤ ᠬᠡᠯᠪᠡᠷᠢ》᠎ᠠᠴᠠ 《ᠦᠢ᠍ᠯᠡᠴᠢᠯᠡᠭᠡᠨ᠎ᠤ ᠬᠡᠯᠪᠡᠷᠢ》 ᠪᠣᠯᠭ᠋ᠠᠨ ᠬᠤᠪᠢᠷᠠᠭᠤᠯᠤᠨ᠎ᠠ᠃ ᠠᠵᠢᠯᠲᠠᠨ᠎ᠤ ᠶᠠᠪᠤᠳᠠᠯ᠎ᠤᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠠᠯ᠎ᠠ᠎ᠪᠠᠷ᠂ ᠤᠷᠤᠨ ᠲᠤᠭ᠋ᠠᠨ᠎ᠤ ᠤᠨᠤᠯᠵᠢᠬᠤᠨ᠎ᠢ ᠠᠯᠬᠤᠮ ᠠᠯᠬᠤᠮ ᠵᠶ᠋ᠠᠷ ᠰᠤᠯᠠᠷᠠᠭᠤᠯᠵᠤ᠂ ᠪᠠᠭᠰᠢ ᠵᠢᠨ ᠦᠷ᠎ᠡ ᠪᠦᠲᠦᠮᠵᠢ ᠵᠢᠨ ᠴᠠᠯᠢᠩ᠎ᠤᠨ ᠬᠤᠪᠢᠶᠠᠷᠢᠯᠠᠯᠲᠠ ᠵᠢᠨ ᠲᠣᠭᠲᠠᠴᠠ ᠵᠢ ᠰᠢᠯᠢᠳᠡᠭᠵᠢᠭᠦᠯᠵᠦ᠂ ᠵᠢᠩᠬᠢᠨᠢ ᠳᠡᠭᠡᠳᠦ ᠳᠡᠰ᠎ᠤᠨ ᠪᠠᠭᠰᠢ ᠵᠢ ᠰᠢᠯᠭ᠋ᠠᠨ ᠤᠷᠢᠬᠤ ᠠᠵᠢᠯ᠎ᠢ ᠪᠡᠯᠡᠳᠬᠡᠨ ᠥᠷᠨᠢᠭᠦᠯᠵᠦ᠂ ᠰᠢᠯᠢᠳᠡᠭ ᠰᠤᠷᠭ᠋ᠠᠨ ᠬᠥᠮᠦᠵᠢᠯ᠎ᠤᠨ ᠴᠢᠳᠠᠪᠤᠷᠢᠲᠠᠨ᠎ᠢ ᠡᠯᠰᠡᠨ ᠤᠷᠢᠬᠤ ᠡᠷᠴᠢᠮ᠎ᠢ ᠨᠡᠮᠡᠭᠳᠡᠭᠦᠯᠵᠦ᠂ ᠨᠡᠷᠡᠲᠦ ᠪᠠᠭᠰᠢ᠂ ᠨᠡᠷᠡᠲᠦ ᠰᠤᠷᠭ᠋ᠠᠭᠤᠯᠢ ᠵᠢᠨ ᠵᠠᠬᠢᠷᠤᠯ᠂ ᠨᠡᠷᠡᠲᠦ ᠰᠤᠷᠭ᠋ᠠᠭᠤᠯᠢ 《ᠭᠤᠷᠪᠠᠨ ᠨᠡᠷᠡᠲᠦ》 ᠬᠥᠮᠦᠵᠢᠭᠦᠯᠬᠦ ᠢᠨᠵᠧᠨᠧᠷᠢᠩ᠎ᠢ ᠬᠡᠷᠡᠭᠵᠢᠭᠦᠯᠦᠨ᠎ᠡ;   ᠰᠤᠷᠭ᠋ᠠᠭᠤᠯᠢ ᠵᠢᠨ ᠵᠠᠬᠢᠷᠤᠯ᠎ᠢ ᠢᠯᠠ᠎ᠪᠠᠷ ᠰᠤᠩᠭᠤᠨ ᠤᠷᠢᠵᠦ ᠲᠤᠮᠢᠯᠠᠬᠤ ᠳᠦᠷᠢᠮ᠂ ᠲᠤᠰᠢᠶᠠᠯ᠎ᠤᠨ ᠬᠤᠭᠤᠴᠠᠭ᠋ᠠᠨ᠎ᠤ ᠬᠠᠷᠠᠯᠲᠠᠲᠤ ᠬᠠᠷᠢᠭᠤᠴᠠᠯᠭ᠎ᠠ ᠵᠢᠨ ᠳᠦᠷᠢᠮ᠂ ᠰᠤᠷᠭ᠋ᠠᠭᠤᠯᠢ ᠵᠢᠨ ᠵᠠᠬᠢᠷᠤᠯ᠂ ᠪᠠᠭᠰᠢ ᠪᠤᠯᠵᠤ ᠪᠤᠯᠬᠤ ᠪᠠ ᠤᠬᠤᠷᠢᠨ ᠭᠠᠷᠴᠤ ᠪᠤᠯᠬᠤv ᠲᠣᠭᠲᠠᠴᠠ ᠵᠢ ᠪᠦᠷᠢᠨᠰᠢᠭᠦᠯᠦᠨ᠎ᠡ᠃ ᠰᠤᠷᠤᠭᠴᠢ ᠡᠯᠰᠡᠬᠦ ᠰᠢᠯᠭ᠋ᠠᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠠᠯ᠎ᠠ᠎ᠪᠠᠷ᠂ ᠠᠳᠠᠯᠢ ᠬᠣᠲᠠᠨ᠎ᠳᠤ ᠠᠳᠠᠯᠢ ᠲᠡᠭᠰᠢ᠎ᠪᠠᠷ ᠰᠤᠷᠭ᠋ᠠᠭᠤᠯᠢ᠎ᠳᠤ ᠣᠷᠣᠬᠤ ᠬᠡᠦᠬᠡᠳ᠎ᠤᠨ ᠴᠡᠴᠡᠷᠯᠢᠭ᠎ᠲᠤ ᠣᠷᠣᠬᠤ ᠲᠦᠷᠦ ᠵᠢᠨ ᠪᠤᠳᠤᠯᠭ᠎ᠠ ᠵᠢ ᠤᠯᠠᠮ ᠨᠢᠭᠡ ᠠᠯᠬᠤᠮ ᠨᠠᠢ᠌ᠳᠠᠪᠤᠷᠢᠵᠢᠭᠤᠯᠤᠨ᠎ᠠ; ᠬᠡᠰᠡᠭ ᠰᠤᠷᠭ᠋ᠠᠭᠤᠯᠢ᠎ᠳᠤ ᠰᠤᠷᠤᠯᠴᠠᠬᠤ ᠱᠠᠲᠤᠨ᠎ᠤ ᠨᠡᠪᠲᠡᠷᠡᠭᠦᠯᠦᠨ ᠬᠥᠮᠦᠵᠢᠭᠦᠯᠬᠦ ᠵᠠᠭᠪᠤᠷ᠎ᠢ ᠬᠡᠷᠡᠭᠵᠢᠭᠦᠯᠵᠦ᠂ ᠣᠨᠴᠠ ᠴᠢᠳᠠᠪᠤᠷᠢᠲᠠᠶ ᠰᠤᠷᠤᠭᠴᠢ᠎ᠢ ᠠᠳᠠᠯᠢ ᠰᠢᠰᠲ᠋ᠧᠮ ᠵᠶ᠋ᠠᠷ᠎ᠨᠢ ᠰᠤᠷᠭ᠋ᠠᠭᠤᠯᠢ᠎ᠳᠤ ᠳᠡᠪᠰᠢᠭᠦᠯᠬᠦ ᠠᠷᠭ᠎ᠠ ᠵᠢ ᠲᠤᠷᠰᠢᠨ ᠬᠡᠷᠡᠭᠵᠢᠭᠦᠯᠦᠨ᠎ᠡ; ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠤᠯᠪᠠᠰᠤᠷᠠᠭᠤᠯᠤᠯ᠎ᠤᠨ ᠵᠠᠮ᠎ᠢ ᠦᠷᠭᠡᠳᠬᠡᠨ᠎ᠡ; ᠦᠨᠳᠦᠰᠦᠲᠡᠨ᠎ᠤ ᠰᠤᠷᠭ᠋ᠠᠭᠤᠯᠢ ᠵᠢ ᠣᠷᠣᠨ ᠨᠤᠲᠤᠭ᠎ᠤᠨ ᠣᠨᠴᠠᠯᠢᠭ ᠪᠠ ᠦᠨᠳᠦᠰᠦᠲᠡᠨ᠎ᠤ ᠣᠨᠴᠠᠯᠢᠭ᠎ᠲᠠᠢ ᠡᠷᠬᠢᠯᠡᠬᠦ ᠵᠢ᠎ᠨᠢ ᠵᠤᠷᠢᠭᠵᠢᠭᠤᠯᠤᠨ᠎ᠠ᠃ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ ᠠᠰᠢᠭᠯᠠᠬᠤ ᠵᠢ ᠲᠦᠯᠬᠢᠨ ᠠᠬᠢᠭᠤᠯᠬᠤ ᠲᠠᠯ᠎ᠠ᠎ᠪᠠᠷ᠂ ᠣᠷᠳᠣᠰ ᠬᠣᠲᠠ ᠵᠢᠨ ᠲᠥᠪ ᠲᠣᠭᠣᠷᠢᠭ᠎ᠤᠨ ᠰᠤᠷᠭ᠋ᠠᠨ ᠬᠥᠮᠦᠵᠢᠯ᠎ᠤᠨ ᠦᠢ᠍ᠯᠡᠴᠢᠯᠡᠭᠡ ᠵᠢ ᠨᠢᠭᠡ ᠴᠤᠭᠴᠠᠵᠢᠭᠤᠯᠬᠤ ᠱᠠᠭ᠋ᠠᠷᠳᠠᠯᠭ᠎ᠠ᠎ᠪᠠᠷ᠂ ᠬᠢᠶᠠ ᠪᠠᠭᠰᠢ ᠰᠢᠨ᠎ᠡ ᠲᠣᠭᠣᠷᠢᠭ᠂ ᠡᠵᠡᠨ ᠬᠣᠷᠣᠭ᠎ᠠ ᠬᠤᠰᠢᠭᠤ᠎ᠯᠤᠭ᠎ᠠ ᠵᠢᠨ ᠰᠤᠷᠭ᠋ᠠᠨ ᠬᠥᠮᠦᠵᠢᠯ᠎ᠤᠨ ᠬᠠᠮᠲᠤᠷᠠᠯᠴᠠᠭ᠎ᠠ ᠵᠢ ᠢᠳᠡᠪᠬᠢᠲᠡᠢ ᠥᠷᠨᠢᠭᠦᠯᠵᠦ᠂ ᠲᠥᠪ ᠲᠣᠭᠣᠷᠢᠭ᠎ᠤᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠦᠷ᠎ᠡ ᠠᠰᠢᠭ᠎ᠢ ᠬᠠᠮᠤᠭ᠎ᠤᠨ ᠶᠡᠬᠡ᠎ᠪᠠᠷ ᠪᠠᠳᠠᠷᠠᠭᠤᠯᠤᠨ᠎ᠠ; 《ᠬᠥᠬᠡᠬᠣᠲᠠ ᠪᠤᠭᠤᠲᠤ ᠤᠷᠳᠤᠰ》 ᠬᠠᠮᠵᠢᠯᠴᠠᠨ ᠬᠦᠭᠵᠢᠬᠦ᠎ᠳᠤ ᠰᠠᠭᠤᠷᠢᠯᠠᠵᠤ᠂ ᠰᠤᠷᠭ᠋ᠠᠨ ᠬᠥᠮᠦᠵᠢᠯ᠎ᠤᠨ ᠤᠯᠠᠨ ᠲᠠᠯ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠦᠷᠨᠢᠭᠦᠯᠦᠨ᠎ᠡ; ᠪᠤᠭᠤᠲᠤ ᠬᠣᠲᠠ ᠵᠢᠨ ᠴᠢᠩᠱ᠌ᠠᠨ ᠲᠣᠭᠣᠷᠢᠭ᠂ ᠴᠦᠩᠴᠢᠩ ᠬᠣᠲᠠ ᠵᠢᠨ ᠱᠠ ᠫᠢᠩ ᠪᠠ ᠲᠣᠭᠣᠷᠢᠭ᠂ ᠦᠷᠦᠮᠴᠢ ᠬᠣᠲᠠ ᠵᠢᠨ ᠰᠠᠶ᠋ᠢᠪᠠᠭ ᠲᠣᠭᠣᠷᠢᠭ ᠵᠢᠴᠢ ᠰᠢᠶᠠᠩᠭ᠋ᠠᠩ ᠣᠣᠮᠧᠨ ᠲᠠᠶ᠋ᠢᠸᠠᠨ᠎ᠯᠤᠭ᠎ᠠ ᠵᠢᠨ ᠰᠤᠷᠭ᠋ᠠᠨ ᠬᠥᠮᠦᠵᠢᠯ᠎ᠤᠨ ᠰᠤᠯᠢᠯᠴᠠᠭ᠎ᠠ᠎ᠪᠠᠨ ᠦᠷᠭᠡᠳᠬᠡᠵᠦ᠂ ᠬᠠᠮᠲᠤ᠎ᠪᠠᠷ ᠠᠰᠢᠭ ᠬᠦᠷᠲᠡᠨ ᠬᠦᠭᠵᠢᠬᠦ᠎ᠪᠠᠷ ᠴᠢᠷᠮᠠᠢ᠌ᠨ᠎ᠠ᠃
ᠬᠥᠲᠥᠯᠥᠭᠴᠢ᠄
      ᠳ᠋ᠦᠩᠱ᠌ᠧᠩ ᠲᠣᠭᠣᠷᠢᠭ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠲᠠᠯ᠎ᠠ᠎ᠪᠠᠷ ᠡᠷᠡᠰ ᠰᠢᠭᠤᠷᠬᠠᠢ ᠤᠷᠤᠭᠰᠢᠯᠠᠵᠤ ᠪᠠᠢ᠌ᠭ᠎ᠠ ᠪᠠᠢ᠌ᠳᠠᠯ᠎ᠢ ᠤᠯᠵᠤ ᠮᠡᠳᠡᠯ᠎ᠡ᠃ ᠮᠢᠨᠦ ᠪᠣᠳᠣᠬᠤ᠎ᠪᠠᠷ᠂ ᠰᠦᠯᠵᠢᠶᠡᠨ᠎ᠤ ᠠᠨᠳᠠ ᠨᠠᠷ ᠳ᠋ᠦᠩᠱ᠌ᠧᠩ ᠲᠣᠭᠣᠷᠢᠭ᠎ᠤᠨ ᠰᠤᠷᠭ᠋ᠠᠨ ᠬᠥᠮᠦᠵᠢᠯ᠎ᠤᠨ ᠢᠷᠡᠭᠡᠳᠦᠶ ᠵᠢᠨ ᠲᠥᠯᠥᠪᠵᠢᠭᠦᠯᠭᠡ ᠪᠠ ᠬᠥᠭᠵᠢᠯᠲᠡ ᠵᠢᠨ ᠬᠠᠷᠠᠯᠲᠠ ᠵᠢ ᠨᠡᠩ ᠢᠯᠡᠭᠦᠦ ᠮᠡᠳᠡᠵᠦ ᠠᠪᠤᠶ᠎ᠠ ᠭᠡᠵᠦ ᠪᠣᠳᠣᠵᠤ ᠪᠠᠢ᠌ᠬ᠎ᠠ᠂ ᠤᠴᠢᠷ᠎ᠨᠢ ᠡᠨᠡ᠎ᠨᠢ ᠬᠡᠤᠬᠡᠳ᠎ᠤᠳ᠎ᠤᠨ ᠰᠤᠷᠭ᠋ᠠᠭᠤᠯᠢ᠎ᠳᠤ ᠣᠷᠣᠬᠤ ᠠᠰᠠᠭᠤᠳᠠᠯ᠎ᠲᠠᠢ ᠬᠣᠯᠪᠣᠭᠳᠠᠵᠤ ᠪᠠᠶ᠋ᠢᠳᠠᠭ᠃ ᠯᠢ ᠳᠠᠷᠤᠭ᠎ᠠ ᠲᠠ ᠪᠦᠬᠦᠯᠢ ᠴᠤᠭᠴᠠ᠎ᠪᠠᠷ᠎ᠨᠢ ᠲᠠᠨᠢᠯᠴᠠᠭᠤᠯᠵᠤ ᠦᠭᠭᠦᠨᠡᠦ?
ᠯᠢ ᠶᠦᠨ᠄
      ᠳ᠋ᠦᠩᠱ᠌ᠧᠩ ᠲᠣᠭᠣᠷᠢᠭ ᠰᠤᠷᠭ᠋ᠠᠨ ᠬᠥᠮᠦᠵᠢᠯ᠎ᠤᠨ ᠣᠷᠣᠭᠤᠯᠤᠯᠲᠠ ᠵᠢ ᠤᠯᠠᠮ ᠨᠢᠭᠡ ᠠᠯᠬᠤᠮ ᠨᠡᠮᠡᠭᠳᠡᠭᠦᠯᠵᠦ᠂ 《13·5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ 41 ᠳᠤᠮᠳᠠᠳᠤ ᠰᠤᠷᠭ᠋ᠠᠭᠤᠯᠢ ᠪᠠᠭ᠎ᠠ ᠰᠤᠷᠭ᠋ᠠᠭᠤᠯᠢ ᠬᠡᠦᠬᠡᠳ᠎ᠤᠨ ᠴᠡᠴᠡᠷᠯᠢᠭ᠎ᠢ ᠰᠢᠨ᠎ᠡ᠎ᠪᠠᠷ ᠪᠠᠢ᠌ᠭᠤᠯᠬᠤ ᠪᠠ ᠦᠭᠡᠷᠴᠢᠯᠡᠵᠦ ᠦᠷᠭᠡᠳᠬᠡᠨ ᠪᠠᠢ᠌ᠭᠤᠯᠬᠤ᠎ᠪᠠᠷ ᠲᠦᠯᠦᠪᠯᠡᠵᠦ ᠪᠠᠢ᠌ᠨ᠎ᠠ᠃ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠢ ᠲᠦᠷᠭᠡᠳᠬᠡᠨ ᠬᠥᠭᠵᠢᠭᠦᠯᠵᠦ᠂ ᠴᠡᠴᠡᠷᠯᠢᠭ᠎ᠲᠤ ᠤᠷᠤᠬᠤ ᠲᠦᠷᠦ ᠵᠢᠨ ᠪᠤᠳᠤᠯᠭ᠎ᠠ ᠵᠢ ᠭᠠᠷᠳᠠᠨ ᠲᠤᠬᠢᠷᠠᠭᠤᠯᠤᠵᠤ᠂ 《ᠤᠷᠤᠨ ᠰᠠᠭᠤᠴᠠ᠎ᠲᠠᠢ ᠪᠠᠢ᠌ᠭ᠋ᠠᠳ ᠳ᠋ᠦᠩᠱ᠌ᠧᠩ᠎ᠤᠨ ᠡᠷᠦᠬᠡ ᠠᠮᠠ ᠵᠢᠨ ᠳᠠᠩᠰᠠᠨ ᠦᠭᠡᠢ ᠬᠡᠦᠬᠡᠳ》 ᠵᠡᠷᠭᠡ ᠬᠡᠦᠬᠡᠳ᠎ᠤᠨ ᠴᠡᠴᠡᠷᠯᠢᠭ᠎ᠲᠤ ᠣᠷᠣᠬᠤ᠎ᠳᠤ ᠠᠳᠠᠯᠢ ᠬᠠᠷᠠᠭ᠋ᠠᠯᠵᠠᠯ ᠦᠵᠡᠭᠦᠯᠬᠦ ᠲᠦᠷᠦ ᠵᠢᠨ ᠪᠤᠳᠤᠯᠭ᠎ᠠ ᠵᠢ ᠦᠷᠬᠦᠯᠵᠢᠯᠡᠨ ᠬᠡᠷᠡᠭᠵᠢᠭᠦᠯᠵᠦ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠳᠤ ᠨᠡᠶ᠋ᠢᠳᠡᠮ ᠠᠰᠢᠭ ᠬᠦᠷᠲᠡᠭᠡᠬᠦ ᠲᠡᠩᠴᠡᠭᠦᠷᠢᠲᠦ ᠬᠢᠷᠢ ᠲᠦᠪᠰᠢᠨ᠎ᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠦᠨ᠎ᠡ᠃ 《ᠤᠨᠴᠠᠯᠢᠬᠲᠤ ᠰᠤᠷᠭ᠋ᠠᠭᠤᠯᠢ ᠵᠢᠨ ᠪᠦᠳᠦᠭᠡᠨ ᠪᠠᠶ᠋ᠢᠭᠤᠯᠤᠯᠲᠠ ᠵᠢ ᠳᠡᠭᠡᠭᠰᠢᠯᠡᠭᠦᠯᠬᠦ ᠢᠨᠵᠸᠨ᠋ᠸᠷᠢᠩ》᠎ᠢ ᠡᠬᠢᠯᠡᠭᠦᠯᠵᠦ᠂ ᠰᠤᠷᠭ᠋ᠠᠭᠤᠯᠢ ᠵᠢᠨ ᠵᠦᠷᠢᠶᠡᠲᠤ ᠬᠦᠭᠵᠢᠯᠲᠡ᠂ ᠤᠨᠴᠠᠯᠢᠭᠲᠤ ᠬᠦᠭᠵᠢᠯᠲᠡ ᠪᠠ ᠨᠡᠷᠡᠳᠤ ᠲᠡᠮᠳᠡᠭᠲᠦ ᠬᠦᠭᠵᠢᠯᠲᠡ ᠵᠢ ᠠᠬᠢᠭᠤᠯᠤᠨ᠎ᠠ᠃ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠪᠠ ᠣᠨᠴᠠᠯᠢᠭ ᠪᠦᠬᠦᠢ ᠪᠦᠲᠦᠭᠡᠨ ᠪᠠᠶ᠋ᠢᠭᠤᠯᠤᠯᠲᠠ ᠵᠢᠨ ᠢᠨᠵᠸᠨ᠋ᠸᠷᠢᠩ᠎ᠢ ᠬᠡᠷᠡᠭᠵᠢᠭᠦᠯᠵᠦ᠂ ᠰᠤᠷᠤᠭᠴᠢᠳ᠎ᠲᠤ ᠣᠨᠴᠠᠯᠢᠭ ᠪᠦᠬᠦᠢ᠂ ᠤᠯᠠᠨ ᠶᠠᠩᠵᠤ᠂ ᠪᠦᠬᠦ ᠲᠠᠯ᠎ᠠ ᠵᠢᠨ ᠬᠦᠭᠵᠢᠯᠲᠡ ᠵᠢ ᠤᠯᠭᠤᠨ᠎ᠠ; ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠂ ᠲᠤᠰᠬᠠᠶ ᠮᠡᠷᠭᠡᠵᠢᠯ᠎ᠤᠨ ᠪᠠᠶ᠋ᠢᠷᠢᠯᠠᠭᠤᠯᠤᠯᠲᠠ ᠵᠢ ᠲᠤᠬᠢᠷᠠᠭᠤᠯᠵᠤ᠂ 《ᠬᠤᠤᠰ ᠬᠢᠷᠢ ᠬᠡᠮ᠎ᠲᠠᠢ ᠪᠠᠭᠰᠢ ᠵᠢᠨ ᠬᠡᠯᠪᠡᠷᠢ》 ᠵᠢᠨ ᠪᠠᠭᠰᠢ ᠵᠢᠨ ᠬᠠᠷᠢᠴᠠᠯ᠎ᠢ ᠨᠡᠮᠡᠭᠳᠡᠭᠦᠯᠵᠦ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ ᠵᠢ ᠴᠢᠩᠭ᠋ᠠᠳᠬᠠᠨ᠂ 《ᠵᠠᠬᠢᠶᠠᠯᠠᠭ᠎ᠠ ᠵᠢᠨ ᠬᠡᠯᠪᠡᠷᠢ ᠵᠢᠨ ᠬᠦᠮᠦᠵᠢᠭᠦᠯᠦᠯ》᠎ᠤᠨ ᠰᠢᠰᠲ᠋ᠧᠮ᠎ᠢ ᠪᠠᠢ᠌ᠭᠤᠯᠤᠨ ᠴᠢᠩᠭ᠋ᠠᠳᠬᠠᠵᠤ᠂ ᠰᠣᠳᠣᠨ ᠲᠤᠰᠬᠠᠶ ᠮᠡᠷᠭᠡᠵᠢᠯ᠎ᠢ ᠪᠤᠢ ᠪᠤᠯᠭ᠋ᠠᠵᠤ᠂ ᠵᠠᠬ᠎ᠠ ᠳᠡᠯᠭᠡᠭᠦᠷ᠎ᠤᠨ ᠬᠡᠷᠡᠭᠴᠡᠭᠡ᠎ᠳᠤ ᠨᠡᠶ᠋ᠢᠴᠡᠬᠦ ᠲᠤᠰᠬᠠᠶ ᠮᠡᠷᠭᠡᠵᠢᠯ᠎ᠤᠨ ᠬᠡᠯᠪᠡᠷᠢ᠂ ᠰᠢᠨ᠎ᠡ ᠵᠢ ᠡᠭᠦᠳᠬᠦ ᠬᠡᠯᠪᠡᠷᠢ ᠵᠢᠨ ᠴᠢᠳᠠᠪᠤᠷᠢᠲᠠᠨ᠎ᠢ ᠬᠦᠮᠦᠵᠢᠭᠦᠯᠦᠨ᠎ᠡ᠃ ᠦᠨᠳᠦᠰᠦᠲᠡᠨ᠎ᠤ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠡᠷᠬᠢᠯᠡᠬᠦ ᠨᠥᠬᠥᠴᠡᠯ᠎ᠢ ᠤᠷᠢᠳᠠᠪᠠᠷ ᠪᠠᠲᠤᠯᠠᠬᠤ ᠪᠠ ᠰᠠᠢ᠌ᠵᠢᠷᠠᠭᠤᠯᠵᠤ᠂ ᠦᠨᠳᠦᠰᠦᠲᠡᠨ᠎ᠤ ᠰᠤᠷᠭ᠋ᠠᠨ ᠬᠥᠮᠦᠵᠢᠯ᠎ᠤᠨ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠨᠳᠦᠰᠦᠲᠡᠨ᠎ᠤ ᠰᠤᠷᠭ᠋ᠠᠭᠤᠯᠢ ᠵᠢᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠴᠥᠭᠡᠨ ᠲᠣᠭ᠋ᠠᠲᠤ ᠦᠨᠳᠦᠰᠦᠲᠡᠨ᠎ᠤ ᠰᠤᠷᠤᠭᠴᠢᠳ᠎ᠲᠤ ᠤᠷᠬᠦᠯᠵᠢᠯᠡᠨ ᠠᠮᠢᠳᠤᠷᠠᠯ᠎ᠤᠨ ᠨᠥᠬᠥᠪᠥᠷᠢ ᠤᠯᠭᠤᠨ᠎ᠠ᠃ ᠰᠤᠷᠭ᠋ᠠᠭᠤᠯᠢ ᠵᠢᠨ ᠰᠤᠷᠭ᠋ᠠᠨ ᠬᠦᠮᠦᠵᠢᠯ ᠵᠶ᠋ᠡᠷ ᠭᠣᠣᠯ ᠪᠣᠯᠭ᠋ᠠᠭᠰᠠᠨ᠂ ᠭᠡᠷ ᠪᠦᠯᠢ ᠵᠢᠨ ᠬᠦᠮᠦᠵᠢᠯ ᠵᠶ᠋ᠡᠷ ᠬᠣᠯᠪᠣᠭ᠎ᠠ ᠪᠤᠯᠭ᠋ᠠᠭᠰᠠᠨ᠂ ᠨᠡᠶ᠋ᠢᠭᠡᠮ ᠲᠣᠭᠣᠷᠢᠭ᠎ᠤᠨ ᠰᠤᠷᠭ᠋ᠠᠨ ᠬᠥᠮᠦᠵᠢᠯ ᠵᠶ᠋ᠡᠷ ᠨᠥᠬᠥᠪᠥᠷᠢ ᠪᠤᠯᠭ᠋ᠠᠭᠰᠠᠨ᠂ ᠤᠯᠠᠨ ᠤᠯᠤᠰ᠎ᠤᠨ ᠰᠤᠷᠭ᠋ᠠᠨ ᠬᠥᠮᠦᠵᠢᠯ ᠵᠶ᠋ᠠᠷ ᠦᠷᠭᠡᠳᠬᠡᠯ ᠪᠤᠯᠭ᠋ᠠᠭᠰᠠᠨ᠂ ᠬᠡᠪᠴᠢᠶ᠎ᠡ᠎ᠨᠢ ᠲᠤᠬᠢᠲᠠᠢ᠂ ᠪᠦᠲᠦᠴᠡ᠎ᠨᠢ ᠵᠣᠬᠢᠰᠲᠠᠶ᠂ ᠭᠤᠯᠳᠤ ᠵᠤᠯᠭ᠋ᠠᠭᠤᠯᠤᠯᠲᠠ᠎ᠲᠠᠢ᠂ ᠬᠥᠨᠳᠡᠯᠡᠨ ᠨᠡᠪᠲᠡᠷᠡᠯ᠎ᠲᠠᠢ ᠤᠳᠤ ᠦᠢ᠍ᠶ᠎ᠡ ᠵᠢᠨ ᠤᠯᠤᠰ ᠠᠷᠠᠳ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠬᠦᠴᠦᠯᠡᠨ ᠪᠠᠢ᠌ᠭᠤᠯᠵᠤ᠂ ᠰᠤᠷᠭ᠋ᠠᠨ ᠬᠥᠮᠦᠵᠢᠯ᠎ᠢ ᠴᠢᠨᠠᠷ ᠰᠠᠶ᠋ᠢᠲᠠᠶ ᠲᠡᠩᠴᠡᠭᠦᠷᠢᠲᠡᠶ ᠬᠦᠭᠵᠢᠭᠦᠯᠬᠦ ᠵᠢ ᠠᠬᠢᠭᠤᠯᠵᠤ᠂ ᠠᠷᠠᠳ ᠣᠯᠠᠨ᠎ᠳᠤ ᠴᠢᠨᠠᠷ ᠰᠠᠶ᠋ᠢᠲᠠᠶ᠂ ᠰᠤᠩᠭᠤᠯᠲᠠ᠎ᠲᠠᠢ ᠰᠤᠷᠭ᠋ᠠᠨ ᠬᠦᠮᠦᠵᠢᠯ᠎ᠤᠨ ᠦᠢ᠍ᠯᠡᠴᠢᠯᠡᠭᠡ ᠬᠦᠷᠲᠡᠭᠡᠨ᠎ᠡ᠃
ᠬᠥᠲᠥᠯᠥᠭᠴᠢ᠄
      ᠵᠠ ᠰᠡᠢ᠍ᠢ᠍ᠠ ᠪᠤᠯᠤᠯ᠎ᠠ᠂ ᠯᠢ ᠳᠠᠷᠤᠭ᠎ᠠ ᠵᠢᠨ 《ᠳᠤᠮᠳᠠᠳᠤ ᠤᠯᠤᠰ ᠥᠪᠥᠷ ᠮᠣᠩᠭᠣᠯ᠎ᠤᠨ ᠰᠦᠯᠵᠢᠶ᠎ᠡ》 ᠵᠢᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢᠨ ᠫᠷᠦᠭᠷᠡᠮ᠎ᠳᠤ ᠤᠷᠤᠯᠴᠠᠭᠰᠠᠨ᠎ᠳᠤ ᠲᠠᠯᠠᠷᠬᠠᠵᠤ ᠪᠠᠢ᠌ᠨ᠎ᠠ᠃ ᠪᠢᠲᠡ ᠪᠠᠰᠠ ᠳ᠋ᠦᠩᠱ᠌ᠧᠩ ᠲᠣᠭᠣᠷᠢᠭ ᠰᠤᠷᠭ᠋ᠠᠨ ᠬᠥᠮᠦᠵᠢᠯ ᠵᠢᠨ ᠤᠯᠠᠮ᠎ᠠᠴᠠ ᠤᠯᠠᠮ ᠰᠠᠢ᠌ᠨ ᠡᠷᠬᠢᠯᠡᠵᠦ᠂ ᠨᠡᠩ ᠤᠯᠠᠨ ᠬᠡᠤᠬᠡᠳ᠎ᠢ ᠴᠢᠨᠠᠷ ᠰᠠᠶ᠋ᠢᠲᠠᠶ ᠰᠤᠷᠭ᠋ᠠᠨ ᠬᠥᠮᠦᠵᠢᠯ᠎ᠤᠨ ᠬᠠᠮᠠᠭ᠋ᠠᠯᠠᠯ ᠬᠥᠮᠦᠵᠢᠯ ᠳᠣᠣᠷ᠎ᠠ ᠢᠳᠡᠷᠡᠭᠦᠨ ᠵᠶ᠋ᠠᠷ ᠦᠰᠦᠨ ᠪᠤᠢ᠌ᠵᠢᠭᠤᠯᠬᠤ ᠵᠢ ᠴᠢᠩ ᠰᠡᠳᠬᠢᠯ᠎ᠠᠴᠠ᠎ᠪᠠᠨ ᠬᠦᠰᠡᠵᠦ ᠪᠠᠢ᠌ᠨ᠎ᠠ  ᠃ ᠰᠦᠯᠵᠢᠶᠡᠨ᠎ᠤ ᠠᠨᠳᠠ ᠨᠠᠷ᠎ᠤᠨ ᠬᠦᠯᠢᠶᠡᠨ ᠠᠪᠴᠦ ᠦᠵᠡᠭᠰᠡᠨ᠎ᠳᠤ ᠲᠠᠯᠠᠷᠬᠠᠯ᠎ᠠ᠂ ᠳᠠᠷᠠᠭ᠋ᠠᠴᠢ ᠵᠢᠨ ᠬᠤᠭᠤᠴᠠᠭ᠋ᠠᠨ᠎ᠤ ᠫᠷᠦᠭᠷᠡᠮ᠎ᠳᠤ ᠪᠠᠶᠠᠷᠲᠠᠢ ᠵᠤᠯᠭ᠋ᠠᠶ᠎ᠠ!

ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠪᠠ ᠰᠢᠨ᠎ᠡ ᠵᠢ ᠡᠭᠦᠳᠴᠦ ᠠᠳᠠᠯ ᠦᠢᠯᠡᠰ ᠴᠣᠭᠴᠠᠯᠠᠬᠤ ᠵᠢ ᠬᠡᠷᠡᠭᠵᠢᠭᠦᠯᠬᠦ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈13 · 5〉 ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ》 ᠵᠢᠨ ᠲᠠᠢ᠌ᠯᠤᠮᠵᠢ
ᠰᠢᠨ᠎ᠡ ᠵᠢ ᠡᠭᠦᠳᠬᠦ ᠵᠣᠬᠢᠴᠠᠩᠭᠤᠢ ᠪᠣᠬᠢᠷᠳᠤᠯ ᠦᠭᠡᠢ ᠨᠡᠭᠡᠭᠡᠯᠲᠡ᠎ᠲᠠᠢ ᠪᠦᠭᠡᠳ ᠬᠠᠮᠲᠤ᠎ᠪᠠᠷ ᠬᠦᠷᠲᠡᠬᠦ ᠬᠥᠳᠡᠭᠡ ᠠᠵᠤ ᠠᠬᠤᠶ ᠵᠢᠨ ᠬᠥᠭᠵᠢᠯᠲᠡ ᠵᠢᠨ ᠶᠡᠬᠡ ᠪᠠᠶ᠋ᠢᠷᠢᠰᠢᠯ᠎ᠢ ᠪᠠᠢ᠌ᠭᠤᠯᠤᠶ᠎ᠠ
ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠭᠠᠢ᠌ᠯᠢ ᠵᠢᠨ ᠲᠣᠪᠴᠢᠶ᠎ᠠ᠎ᠠᠴᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢ ᠡᠬᠢᠯᠡᠨ ᠲᠠᠲᠠᠪᠤᠷᠢᠯᠠᠬᠤ ᠪᠡᠯᠡᠳᠬᠡᠯ ᠠᠵᠢᠯ᠎ᠢ ᠰᠠᠢ᠌ᠲᠤᠷ ᠬᠢᠵᠦ ᠪᠠᠢ᠌ᠨ᠎ᠠ
ᠭᠠᠢ᠌ᠯᠢ ᠲᠠᠲᠠᠪᠤᠷᠢ ᠬᠤᠳᠠᠯᠳᠤᠭ᠎ᠠ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠵᠦ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠶ᠎ᠠ
 
            