ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠲᠠᠷᠢᠶᠠᠨ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠲᠦᠷᠢᠮ᠎ᠢ ᠨᠠᠶ᠋ᠢᠳᠠᠪᠤᠷᠢᠵᠢᠭᠤᠯᠵᠤ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠭᠤᠷᠢ ᠵᠢ ᠪᠡᠬᠢᠵᠢᠬᠦᠯᠦᠶ᠎ᠡ
ᠨᠡᠶ᠋ᠢᠲᠡᠯᠡᠭᠰᠡᠨ ᠴᠠᠭ᠄ 2016-12-05


      ᠰᠤᠷᠪᠤᠯᠵᠢᠯᠠᠭᠰᠠᠨ ᠴᠠᠭ᠄

      2016 ᠤᠨ᠎ᠤ 11 ᠳ᠋ᠤᠭᠡᠷ ᠰᠠᠷ᠎ᠠ ᠵᠢᠨ 10᠎ᠤ ᠡᠳᠦᠷ᠎ᠤᠨ ᠦᠳᠡ ᠵᠢᠨ ᠡᠮᠦᠨᠡᠬᠢ 11 ᠴᠠᠭ
      ᠰᠤᠷᠪᠤᠯᠵᠢᠯᠠᠭᠰᠠᠨ ᠵᠤᠴᠢᠨ᠄

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠲᠢᠩᠬᠢᠮ᠎ᠤᠨ ᠳᠡᠳ᠋ ᠳᠠᠷᠤᠭ᠎ᠠ ᠵᠤᠤ ᠳ᠋ᠠ ᠶᠦᠨᠭ
      ᠰᠤᠷᠪᠤᠯᠵᠢᠯᠠᠭ᠎ᠠ ᠵᠢᠨ ᠲᠤᠪᠴᠢ ᠲᠠᠨᠢᠯᠴᠠᠭᠤᠯᠭ᠎ᠠ᠄
      ᠮᠠᠨ᠎ᠤ ᠣᠷᠣᠨ ᠪᠣᠯ ᠪᠦᠬᠦ ᠤᠯᠤᠰ᠎ᠤᠨ ᠠᠮᠤ ᠪᠤᠳᠠᠭ᠋ᠠᠨ᠎ᠤ ᠭᠣᠣᠯᠳᠠᠯᠭ᠎ᠠ᠎ᠲᠠᠢ ᠦᠢ᠍ᠯᠡᠳᠪᠦᠷᠢᠯᠡᠯ᠎ᠤᠨ 13 ᠮᠤᠵᠢ ᠣᠷᠣᠨ᠎ᠤ ᠨᠢᠭᠡ᠂ ᠪᠦᠬᠦ ᠤᠯᠤᠰ᠎ᠤᠨ ᠠᠮᠤ ᠪᠤᠳᠠᠭ᠎ᠠ ᠵᠢ ᠭᠠᠳᠠᠭᠰᠢ ᠭᠠᠷᠭ᠋ᠠᠬᠤ ᠲᠠᠪᠤᠨ ᠮᠤᠵᠢ ᠣᠷᠣᠨ᠎ᠤ ᠨᠢᠭᠡ᠂ ᠤᠯᠤᠰ᠎ᠤᠨ ᠲᠠᠷᠢᠶᠠᠨ ᠭᠠᠵᠠᠷ᠎ᠤᠨ ᠶᠡᠷᠦᠩᠬᠡᠶ ᠬᠡᠮᠵᠢᠶ᠎ᠡ᠎ᠨᠢ ᠳ᠋ᠦᠩᠰᠢᠭᠤᠷ ᠮᠤ᠌ ᠵᠢ ᠳᠠᠪᠠᠭᠰᠠᠨ 4 ᠮᠤᠵᠢ ᠣᠷᠣᠨ᠎ᠤ ᠨᠢᠭᠡ ᠮᠦᠨ᠂ ᠬᠥᠮᠦᠨ ᠳᠤᠮᠳᠠᠴᠢ ᠲᠠᠷᠢᠶᠠᠨ ᠭᠠᠵᠠᠷ᠎ᠤᠨ ᠲᠠᠯᠠᠪᠠᠢ᠎ᠨᠢ 5.48 ᠮᠤ᠌ ᠪᠠᠢ᠌ᠵᠤ᠂ ᠪᠦᠬᠦ ᠤᠯᠤᠰ᠎ᠤᠨ ᠬᠥᠮᠦᠨ ᠳᠤᠮᠳᠠᠴᠢ ᠲᠠᠷᠢᠶᠠᠨ ᠭᠠᠵᠠᠷ᠎ᠤᠨ ᠲᠠᠯᠠᠪᠠᠢ ᠵᠢᠨ 3.7 ᠳᠠᠬᠢᠨ ᠪᠤᠯᠤᠨ᠎ᠠ᠃ ᠡᠨᠡ ᠵᠢᠯ᠎ᠤᠨ 6 ᠳ᠋ᠤᠭ᠋ᠠᠷ ᠰᠠᠷ᠎ᠠ᠎ᠳᠤ᠂ ᠲᠤᠢ᠍ᠷᠦ ᠵᠢᠨ ᠶᠠᠪᠤᠳᠠᠯ᠎ᠤᠨ ᠬᠤᠷᠢᠶ᠎ᠠ 《ᠪᠦᠬᠦ ᠤᠯᠤᠰ᠎ᠤᠨ ᠭᠠᠵᠠᠷ ᠰᠢᠷᠣᠶ ᠵᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠵᠢᠨ ᠬᠦᠲᠦᠯᠪᠦᠷᠢ (2006 -2020) ᠵᠢ ᠲᠤᠬᠢᠷᠠᠭᠤᠯᠬᠤ ᠲᠥᠰᠦᠯ》᠎ᠢ ᠵᠦᠪᠰᠢᠶᠡᠷᠡᠵᠤ᠂ ᠮᠠᠨ᠎ᠤ ᠣᠷᠣᠨ᠎ᠤ 2020 ᠣᠨ ᠪᠣᠯᠬᠤ᠎ᠳᠤ ᠲᠠᠷᠢᠶᠠᠨ ᠭᠠᠵᠠᠷ᠎ᠤᠨ ᠬᠠᠳᠠᠭ᠋ᠠᠯᠠᠮᠵᠢ ᠵᠢᠨ ᠬᠡᠮᠵᠢᠶ᠎ᠡ ᠪᠤᠯᠤᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠲᠠᠯᠠᠪᠠᠢ ᠵᠢ ᠲᠤᠰ ᠲᠤᠰ 766.6 ᠲᠦᠮᠡᠨ ᠾᠧᠺᠲ᠋ᠠᠷ (1.15 ᠳ᠋ᠦᠨᠭᠰᠢᠭᠤᠷ ᠮᠤ᠌) ᠪᠤᠯᠤᠨ 620 ᠲᠦᠮᠡᠨ ᠾᠧᠺᠲ᠋ᠠᠷ (9300 ᠲᠦᠮᠡᠨ ᠮᠦ᠍) ᠪᠣᠯᠭ᠋ᠠᠨ ᠲᠣᠬᠢᠷᠠᠭᠤᠯᠵᠤ᠂ ᠲᠣᠬᠢᠷᠠᠭᠤᠯᠤᠯᠲᠠ ᠬᠢᠬᠦ᠎ᠠᠴᠠ ᠡᠮᠦᠨᠡᠬᠢ᠎ᠠᠴᠠ ᠲᠤᠰ ᠲᠤᠰ 68.87 ᠲᠦᠮᠡᠨ ᠾᠧᠺᠲ᠋ᠠᠷ (1000 ᠲᠦᠮᠡᠨ ᠮᠤ᠌) ᠪᠤᠯᠤᠨ 11.87 ᠲᠦᠮᠡᠨ ᠾᠧᠺᠲ᠋ᠠᠷ (178 ᠲᠦᠮᠡᠨ ᠮᠦ᠍) ᠨᠡᠮᠡᠭᠳᠡᠪᠡ᠂ 2015 ᠣᠨ᠎ᠤ ᠭᠠᠵᠠᠷ ᠰᠢᠷᠣᠶ ᠬᠡᠷᠡᠭᠯᠡᠬᠦ ᠡᠷᠬᠡ ᠵᠢ ᠬᠤᠪᠢᠷᠠᠭᠤᠯᠬᠤ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠦᠨᠳᠦᠰᠦᠯᠡᠪᠡᠯ᠂ ᠮᠠᠨ᠎ᠤ ᠣᠷᠣᠨ᠎ᠤ ᠤᠳᠤ ᠪᠠᠶ᠋ᠢᠭ᠎ᠠ ᠲᠠᠷᠢᠶᠠᠨ ᠭᠠᠵᠠᠷ᠎ᠨᠢ 915 ᠲᠦᠮᠡᠨ ᠾᠧᠺᠲ᠋ᠠᠷ ᠪᠤᠢ (1 ᠁


      ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ


      ᠬᠥᠲᠥᠯᠥᠭᠴᠢ᠄
      ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨ᠎ᠠ ᠤᠤ! ᠲᠣᠰ ᠬᠤᠭᠤᠴᠠᠭ᠋ᠠᠨ᠎ᠤ 《ᠰᠤᠷᠪᠤᠯᠵᠢᠯᠠᠭ᠎ᠠ》 ᠪᠤᠯᠤᠨᠭ᠌᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠲᠢᠩᠬᠢᠮ᠎ᠤᠨ ᠳᠡᠳ᠋ ᠳᠠᠷᠤᠭ᠎ᠠ ᠵᠤᠤ ᠳ᠋ᠠ ᠶᠦᠨᠭ᠎ᠢ ᠤᠷᠢᠵᠤ ᠢᠷᠡᠪᠡ᠃ ᠵᠣᠣ ᠲᠢᠨᠭᠬᠢᠮ᠎ᠤᠨ ᠳᠠᠷᠤᠭ᠎ᠠ ᠵᠢ ᠪᠠᠶᠠᠷᠯᠠᠨ ᠤᠭᠲᠤᠵᠤ ᠪᠠᠶ᠋ᠢᠨ᠎ᠠ!       ᠵᠤᠤ ᠳ᠋ᠠ ᠶᠦᠨᠭ᠄
      ᠬᠥᠲᠥᠯᠥᠭᠴᠢ ᠰᠠᠢ᠌ᠨ ᠤᠤ! ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨ᠎ᠠ ᠤᠤ! ᠮᠠᠨ᠎ᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠫᠤᠷᠲᠸᠯ ᠰᠠᠢ᠌ᠲ᠎ᠤᠨ 《ᠰᠤᠷᠪᠤᠯᠵᠢᠯᠠᠭ᠎ᠠ》 ᠪᠤᠯᠤᠩ᠎ᠳᠤ ᠲᠠ ᠨᠠᠷ᠎ᠲᠠᠢ ᠰᠦᠯᠵᠢᠶᠡᠨ ᠳᠡᠭᠡᠷ᠎ᠡ ᠶᠠᠷᠢᠯᠴᠠᠬᠤ ᠪᠤᠯᠤᠭᠰᠠᠨ᠎ᠳᠠᠭᠠᠨ ᠰᠡᠳᠬᠢᠯ ᠮᠠᠰᠢ ᠦᠨᠳᠦᠷ ᠪᠠᠢ᠌ᠨ᠎ᠠ᠃
      ᠬᠥᠲᠥᠯᠥᠭᠴᠢ᠄
      ᠤᠢ᠍ᠢ᠍ᠷ᠎ᠠ ᠵᠢᠨ ᠬᠡᠳᠦᠨ ᠵᠢᠯ᠎ᠳᠤ᠂ ᠮᠠᠨ᠎ᠤ ᠣᠷᠣᠨ ᠲᠠᠷᠢᠶᠠᠨ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠳᠦᠷᠢᠮ᠎ᠢ ᠨᠠᠶ᠋ᠢᠳᠠᠪᠤᠷᠢᠵᠢᠭᠤᠯᠬᠤ ᠲᠠᠯ᠎ᠠ᠎ᠪᠠᠷ ᠶᠠᠮᠠᠷ ᠶᠠᠮᠠᠷ ᠠᠵᠢᠯ ᠬᠢᠭᠰᠡᠨ ᠪᠤᠢ? ᠠᠮᠵᠢᠯᠲᠠ ᠣᠯᠤᠭᠰᠠᠨ ᠪᠤᠢ?       ᠵᠤᠤ ᠳ᠋ᠠ ᠶᠦᠨᠭ᠄
      ᠲᠦᠷᠦ ᠵᠢᠨ ᠶᠠᠪᠤᠳᠠᠯ᠎ᠤᠨ ᠬᠤᠷᠢᠶ᠎ᠠ ᠵᠢᠨ 《ᠮᠤᠵᠢ ᠵᠢᠨ ᠱᠠᠲᠤᠨ᠎ᠤ ᠵᠠᠰᠠᠭ᠎ᠤᠨ ᠣᠷᠳᠣᠨ᠎ᠤ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢᠨ ᠬᠠᠷᠠᠯᠲᠠ ᠵᠢ ᠬᠢᠨᠠᠨ ᠰᠢᠯᠭ᠋ᠠᠬᠤ ᠠᠷᠭ᠎ᠠ》 (ᠲᠥᠷᠥ ᠠᠯᠪᠠᠨ ᠲᠠᠷᠬᠠᠭ᠋ᠠᠭᠰᠠᠨ [2005] 52 ᠳ᠋ᠤᠭ᠋ᠠᠷ ᠲᠣᠭ᠋ᠠᠲᠤ) ᠵᠢᠨ ᠱᠠᠭ᠋ᠠᠷᠳᠠᠯᠭ᠎ᠠ ᠶᠣᠰᠣᠭ᠋ᠠᠷ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠲᠠᠷᠢᠶᠠᠨ ᠭᠠᠵᠠᠷ᠎ᠤᠨ ᠬᠠᠳᠠᠭ᠋ᠠᠯᠠᠯᠲᠠ ᠵᠢᠨ ᠬᠡᠮᠵᠢᠶ᠎ᠡ ᠪᠤᠯᠤᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠲᠠᠯᠠᠪᠠᠢ ᠵᠢ ᠬᠠᠷᠢᠭᠤᠴᠠᠵᠤ᠂ ᠮᠤᠵᠢ ᠵᠢᠨ ᠳᠠᠷᠤᠭ᠎ᠠ᠂ ᠲᠡᠷᠢᠭᠦᠯᠡᠭᠴᠢ᠂ ᠬᠤᠳᠠ ᠵᠢᠨ ᠳᠠᠷᠤᠭ᠎ᠠ ᠪᠣᠯ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ᠎ᠨᠢ ᠪᠤᠯᠤᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠲᠠᠷᠢᠶᠠᠨ ᠭᠠᠵᠠᠷ᠎ᠢ ᠬᠠᠮᠠᠭ᠋ᠠᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠶᠡᠷᠦᠩᠬᠡᠶ ᠱᠦᠵᠢ ᠰᠢ ᠵᠢᠨ ᠫᠢᠩ 《ᠲᠠᠷᠢᠶᠠᠨ ᠭᠠᠵᠠᠷ ᠪᠣᠯ ᠮᠠᠨ᠎ᠤ ᠤᠯᠤᠰ᠎ᠤᠨ ᠬᠠᠮᠤᠭ᠎ᠤᠨ ᠡᠷᠬᠢᠮ ᠨᠠᠨᠳᠢᠨ ᠡᠬᠢ ᠪᠠᠶᠠᠯᠢᠭ ᠮᠥᠨ》᠂ 《ᠲᠠᠷᠢᠶᠠᠨ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠳᠦᠷᠢᠮ᠎ᠢ ᠬᠡᠷᠡᠭᠵᠢᠬᠦᠯᠵᠤ᠂ ᠲᠣᠮᠣ ᠮᠠᠯᠤᠷ ᠥᠲᠡᠭᠡ ᠵᠢ ᠬᠠᠮᠠᠭ᠋ᠠᠯᠠᠬᠤ᠎ᠲᠠᠢ ᠠᠳᠠᠯᠢ᠎ᠪᠠᠷ ᠲᠠᠷᠢᠶᠠᠨ ᠭᠠᠵᠠᠷ᠎ᠢ ᠬᠠᠮᠠᠭ᠋ᠠᠯᠠᠬᠤ ᠬᠡᠷᠡᠭᠲᠠᠢ》 ᠭᠡᠰᠡᠨ ᠴᠢᠬᠤᠯᠠ ᠮᠠᠭ᠋ᠠᠳᠯᠠᠯᠲᠠ ᠪᠤᠯᠤᠨ ᠣᠨᠴᠠᠭ᠋ᠠᠶ ᠱᠠᠭ᠋ᠠᠷᠳᠠᠯᠭ᠎ᠠ ᠵᠢ ᠲᠣᠳᠣᠷᠬᠠᠶ ᠳᠤᠷᠠᠳᠤᠭᠰᠠᠨ ᠪᠠᠶ᠋ᠢᠨ᠎ᠠ᠃ 2015 ᠣᠨ᠎ᠠᠴᠠ ᠨᠠᠰᠢ᠂ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠶᠠᠮᠤᠨ᠂ ᠬᠥᠳᠡᠭᠡ ᠠᠵᠤ ᠠᠬᠤᠶ ᠵᠢᠨ ᠶᠠᠮᠤᠨ ᠤᠷᠢᠳ ᠬᠣᠵᠢᠳ ᠬᠠᠮᠲᠤᠷᠠᠨ ᠳᠦᠷᠪᠡ ᠤᠳᠠᠭ᠋ᠠᠨ᠎ᠤ ᠬᠤᠷᠠᠯ ᠬᠤᠷᠠᠯᠳᠤᠭᠤᠯᠵᠤ᠂ ᠲᠠᠷᠢᠶᠠᠨ ᠭᠠᠵᠠᠷ ᠪᠣᠯᠤᠨ ᠦᠨᠳᠦᠰᠦᠨ ᠲᠠᠷᠢᠶᠠᠨ ᠭᠠᠵᠠᠷ᠎ᠢ ᠬᠠᠮᠠᠭ᠋ᠠᠯᠠᠬᠤ ᠠᠵᠢᠯ᠎ᠢ ᠪᠠᠢ᠌ᠷᠢᠯᠠᠭᠤᠯᠪᠠ᠃ ᠤᠯᠤᠰ᠎ᠠᠴᠠ ᠵᠢᠯ ᠪᠦᠷᠢ ᠡᠯ᠎ᠡ ᠮᠤᠵᠢ ᠵᠢᠨ ᠱᠠᠲᠤᠨ᠎ᠤ ᠵᠠᠰᠠᠭ᠎ᠤᠨ ᠣᠷᠳᠣᠨ᠎ᠤ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢᠨ ᠬᠠᠷᠠᠯᠲᠠ ᠵᠢ ᠬᠢᠨᠠᠨ ᠰᠢᠯᠭ᠋ᠠᠵᠤ᠂ ᠤᠯᠤᠰ᠎ᠤᠨ ᠬᠢᠨᠠᠨ ᠪᠣᠳᠣᠬᠤ ᠰᠠᠯᠠᠭ᠎ᠠ ᠮᠥᠴᠢᠷ᠂ ᠭᠠᠵᠠᠷ ᠰᠢᠷᠣᠶ ᠵᠢᠨ ᠬᠢᠨᠠᠨ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠵᠢᠯ ᠪᠦᠷᠢ ᠬᠠᠮᠢᠶ᠎ᠠ ᠪᠦᠬᠦᠢ ᠬᠢᠨᠠᠨ ᠪᠣᠳᠣᠯᠲᠠ ᠪᠤᠯᠤᠨ ᠬᠢᠨᠠᠨ ᠪᠠᠢ᠌ᠴᠠᠭ᠋ᠠᠯᠲᠠ ᠬᠢᠭᠰᠡᠭᠡᠷ ᠢᠷᠡᠪᠡ᠃ ᠣᠶ᠋ᠢᠷ᠎ᠠ ᠵᠢᠨ ᠵᠢᠯ᠎ᠠᠴᠠ ᠨᠠᠰᠢ᠂ ᠮᠠᠨ᠎ᠤ ᠣᠷᠣᠨ ᠲᠠᠷᠢᠶᠠᠨ ᠭᠠᠵᠠᠷ᠎ᠢ ᠬᠠᠮᠠᠭ᠋ᠠᠯᠠᠬᠤ ᠠᠵᠢᠯ᠎ᠢ ᠵᠢᠷᠤᠮᠵᠢᠭᠤᠯᠤᠭᠰᠠᠨ᠎ᠤ ᠳᠠᠭ᠋ᠠᠤ᠎ᠳᠤ ᠴᠢᠨᠭ᠌ᠭ᠋ᠠᠳᠬᠠᠵᠤ᠂ ᠬᠠᠮᠠᠭ᠋ᠠᠯᠠᠬᠤ ᠮᠦᠷᠲᠡᠭᠡᠨ ᠪᠦᠲᠦᠭᠡᠨ ᠪᠠᠢ᠌ᠭᠤᠯᠤᠭ᠋ᠠᠳ᠂ ᠬᠢᠯᠪᠠᠷ ᠪᠤᠰᠤ ᠠᠮᠵᠢᠯᠲᠠ ᠣᠯᠤᠭᠰᠠᠨ ᠪᠠᠶ᠋ᠢᠨ᠎ᠠ᠃
      ᠨᠢᠭᠡ᠎ᠳᠤ ᠲᠠᠷᠢᠶᠠᠨ ᠭᠠᠵᠠᠷ᠎ᠢ ᠬᠠᠮᠠᠭ᠋ᠠᠯᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠲᠠᠰᠤᠷᠠᠯᠲᠠ ᠦᠭᠡᠢ ᠴᠢᠩᠭ᠋ᠠᠷᠠᠭᠤᠯᠪᠠ᠃ 2012 ᠣᠨ᠎ᠳᠤ᠂ ᠥᠪᠡᠷᠲᠡᠭᠡᠨ ᠵᠠᠰᠠᠬᠤ ᠣᠷᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶ᠋ᠢᠮᠠᠭ᠎ᠤᠨ ᠵᠠᠬᠢᠷᠭ᠎ᠠ᠂ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢᠨ ᠬᠠᠷᠠᠯᠲᠠ ᠵᠢ ᠬᠢᠨᠠᠨ ᠰᠢᠯᠭ᠋ᠠᠬᠤ ᠠᠷᠭ᠎ᠠ》 (ᠥᠪᠥᠷ ᠵᠠᠰᠠᠭ ᠠᠯᠪᠠᠨ ᠲᠠᠷᠬᠠᠭ᠋ᠠᠭᠰᠠᠨ [2012] 80 ᠳ᠋ᠤᠭ᠋ᠠᠷ ᠲᠣᠭ᠋ᠠᠲᠤ) ᠵᠢ ᠲᠤᠭᠲᠠᠭ᠋ᠠᠨ ᠲᠠᠷᠬᠠᠭ᠋ᠠᠵᠤ᠂ ᠠᠶ᠋ᠢᠮᠠᠭ ᠬᠤᠳᠠ ᠵᠢᠨ ᠳᠠᠷᠤᠭ᠎ᠠ ᠵᠢ ᠲᠠᠷᠢᠶᠠᠨ ᠭᠠᠵᠠᠷ᠎ᠢ ᠬᠠᠮᠠᠭ᠋ᠠᠯᠠᠬᠤ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠤᠯᠭ᠋ᠠᠵᠤ᠂ ᠬᠢᠨᠠᠨ ᠰᠢᠯᠭ᠋ᠠᠬᠤ ᠪᠣᠳᠠᠲᠠᠶ ᠱᠠᠭ᠋ᠠᠷᠳᠠᠯᠭ᠎ᠠ ᠵᠢ ᠲᠤᠳᠤᠷᠬᠠᠢ᠌ᠯᠠᠪᠠ; ᠵᠢᠯ ᠪᠦᠷᠢ ᠵᠢᠨ ᠡᠬᠢ᠎ᠪᠠᠷ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠳᠠ᠂ ᠬᠣᠰᠢᠭᠤ ᠰᠢᠶᠠᠨ ᠪᠣᠯᠤᠨ ᠰᠢᠶᠠᠩ ᠪᠠᠯᠭ᠋ᠠᠰᠤ ᠲᠥᠷᠪᠡᠨ ᠱᠠᠲᠤᠨ᠎ᠤ ᠵᠠᠰᠠᠭ᠎ᠤᠨ ᠤᠷᠳᠤᠨ ᠱᠠᠳᠤ ᠱᠠᠳᠤ᠎ᠪᠠᠷ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠠᠯᠲᠠᠲᠤ ᠬᠠᠷᠢᠭᠤᠴᠠᠯᠭ᠎ᠠ ᠵᠢᠨ ᠪᠢᠴᠢᠭ ᠲᠣᠭᠲᠠᠭ᠋ᠠᠵᠤ᠂ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢ ᠱᠠᠳᠤ ᠳᠠᠷᠠᠭ᠋ᠠᠯᠠᠨ ᠴᠢᠩᠳᠠᠯᠠᠪᠠ; 2014 ᠣᠨ᠎ᠠᠴᠠ ᠨᠠᠰᠢ᠂ ᠥᠪᠡᠷᠲᠡᠭᠡᠨ ᠵᠠᠰᠠᠬᠤ ᠣᠷᠣᠨ᠎ᠠᠴᠠ ᠲᠠᠷᠢᠶᠠᠨ ᠭᠠᠵᠠᠷ᠎ᠢ ᠬᠠᠮᠠᠭ᠋ᠠᠯᠠᠬᠤ ᠠᠵᠢᠯ᠎ᠢ ᠠᠶ᠋ᠢᠮᠠᠭ ᠬᠤᠳᠠ ᠵᠢᠨ ᠨᠠᠮ ᠵᠠᠰᠠᠭ᠎ᠤᠨ ᠤᠳᠤᠷᠢᠳᠬᠤ ᠪᠠᠭ᠎ᠤᠨ ᠤᠨ᠎ᠤ ᠬᠢᠨᠠᠨ ᠰᠢᠯᠭ᠋ᠠᠬᠤ ᠭᠦᠢ᠍ᠴᠡᠳᠬᠡᠬᠦ ᠲᠣᠭ᠎ᠠ᠂ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠋ᠠᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠲᠦᠷᠢᠮ᠎ᠤᠨ ᠰᠢᠯᠭ᠋ᠠᠨ ᠬᠢᠨᠠᠬᠤ ᠠᠷᠭ᠎ᠠ᠂ ᠨᠠᠮ ᠵᠠᠰᠠᠭ᠎ᠤᠨ ᠤᠳᠤᠷᠢᠳᠬᠤ ᠺᠠᠳ᠋ᠷ᠎ᠠᠴᠠ ᠠᠮᠢ ᠠᠬᠤᠶ ᠣᠷᠴᠢᠨ ᠲᠣᠭᠣᠷᠢᠨ᠎ᠢ ᠡᠪᠳᠡᠭᠰᠡᠨ ᠬᠠᠷᠢᠭᠤᠴᠠᠯᠭ᠎ᠠ ᠨᠡᠬᠡᠮᠵᠢᠯᠡᠬᠦ ᠵᠢᠨ ᠬᠡᠷᠡᠭᠵᠢᠭᠦᠯᠬᠦ ᠨᠠᠷᠢᠨ ᠳᠦᠷᠢᠮ ᠵᠡᠷᠭᠡ ᠲᠣᠭᠲᠠᠭ᠋ᠠᠯ᠎ᠳᠤ ᠤᠷᠤᠭᠤᠯᠵᠤ᠂ ᠲᠠᠷᠢᠶᠠᠨ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠲᠦᠷᠢᠮ᠎ᠢ ᠨᠠᠢ᠌ᠳᠠᠪᠤᠷᠢᠵᠢᠭᠤᠯᠬᠤ ᠵᠢ ᠠᠬᠢᠭᠤᠯᠪᠠ᠃ ᠡᠨᠡ ᠵᠢᠯ᠎ᠤᠨ 7 ᠳ᠋ᠤᠭ᠋ᠠᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠬᠣᠷᠢᠨ ᠳᠥᠷᠪᠡᠳᠦᠭᠡᠷ ᠬᠤᠷᠠᠯ᠎ᠳᠤ ᠪᠥᠬᠥ ᠣᠷᠣᠨ᠎ᠤ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠪᠠᠶ᠋ᠢᠳᠠᠯ᠎ᠤᠨ ᠲᠤᠬᠠᠶ ᠮᠡᠳᠡᠭᠦᠯᠦᠯᠲᠡ ᠵᠢ ᠲᠤᠰᠬᠠᠶ᠋ᠢᠯᠠᠨ ᠰᠣᠨᠣᠰᠴᠤ ᠬᠢᠨᠠᠨ ᠵᠦᠪᠯᠡᠪᠡ᠃
      ᠬᠣᠶᠠᠷ᠎ᠲᠤ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ᠎ᠤᠨ ᠪᠦᠳᠦᠭᠡᠨ ᠪᠠᠶ᠋ᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ 2015 ᠣᠨ᠎ᠤ ᠵᠢᠯ᠎ᠤᠨ ᠡᠴᠦᠰ ᠪᠣᠯᠲᠠᠯ᠎ᠠ᠂ ᠮᠠᠨ᠎ᠤ ᠣᠷᠣᠨ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ᠎ᠤᠨ ᠲᠠᠯᠠᠪᠠᠢ ᠵᠢ 151.224 ᠲᠦᠮᠡᠨ ᠾᠧᠺᠲ᠋ᠠᠷ (2268.36 ᠲᠦᠮᠡᠨ ᠮᠦ᠍) ᠪᠠᠢ᠌ᠭᠤᠯᠵᠤ᠂ ᠲᠥᠷᠥᠯ ᠵᠦᠢ᠍ᠯ᠎ᠤᠨ ᠲᠥᠰᠦᠪ᠎ᠤᠨ ᠶᠡᠷᠦᠩᠬᠡᠶ ᠲᠣᠭ᠎ᠠ 236.05 ᠳ᠋ᠦᠩᠰᠢᠭᠤᠷ ᠲᠥᠭᠥᠷᠢᠭ ᠪᠤᠯᠵᠤ᠂ ᠰᠢᠨ᠎ᠡ᠎ᠪᠠᠷ 7 ᠲᠦᠮᠡᠨ ᠾᠧᠺᠲ᠋ᠠᠷ (105 ᠲᠦᠮᠡᠨ ᠮᠦ᠍) ᠲᠠᠷᠢᠶᠠᠨ ᠭᠠᠵᠠᠷ᠎ᠤᠨ ᠲᠠᠯᠠᠪᠠᠢ ᠨᠡᠮᠡᠭᠳᠡᠭᠦᠯᠪᠡ᠃ ᠭᠠᠵᠠᠷ ᠰᠢᠷᠣᠶ ᠵᠢ ᠡᠮᠬᠢᠯᠡᠨ ᠵᠠᠰᠠᠬᠤ᠎ᠪᠠᠷ ᠳᠠᠮᠵᠢᠨ᠂ ᠭᠠᠵᠠᠷ ᠰᠢᠷᠣᠶ ᠵᠢᠨ ᠠᠰᠢᠭᠯᠠᠯᠲᠠ ᠵᠢᠨ ᠨᠤᠷᠮ᠎ᠠ 8% ᠳᠡᠭᠡᠭᠰᠢᠯᠡᠵᠦ᠂ ᠲᠠᠷᠢᠶᠠᠨ ᠭᠠᠵᠠᠷ᠎ᠤᠨ ᠳᠤᠮᠳᠠᠴᠢ ᠠᠰᠢᠭᠯᠠᠬᠤ ᠳᠡᠰ ᠢᠯᠭ᠋ᠠᠯ ᠴᠡᠭᠴᠡᠯᠡᠨ ᠵᠠᠰᠠᠬᠤ ᠵᠢᠨ ᠡᠮᠦᠨᠡᠬᠢ᠎ᠠᠴᠠ 1 — 2 ᠳᠡᠰ ᠳᠡᠭᠡᠭᠰᠢᠯᠡᠵᠦ᠂ ᠠᠮᠤ ᠪᠤᠳᠠᠭ᠋ᠠᠨ᠎ᠤ ᠲᠠᠯᠠᠪᠠᠢ ᠨᠢᠭᠡᠴᠢ ᠵᠢᠨ ᠤᠨᠠᠯᠲᠠ ᠵᠢᠨ ᠬᠢᠷᠢ ᠲᠦᠪᠰᠢᠨ 30% ᠰᠢᠬᠠᠮ ᠳᠡᠭᠡᠭᠰᠢᠯᠡᠵᠦ᠂ ᠲᠦᠷᠦᠯ ᠵᠦᠢ᠍ᠯ᠎ᠤᠨ ᠤᠷᠤᠨ᠎ᠤ ᠲᠠᠷᠢᠶᠠᠨ ᠭᠠᠵᠠᠷ᠎ᠤᠨ ᠦᠢ᠍ᠯᠡᠳᠪᠦᠷᠢᠯᠡᠯ᠎ᠤᠨ ᠥᠪᠡᠷ᠎ᠤᠨ ᠦᠷᠲᠡᠭ ᠨᠡᠢ᠌ᠳᠡᠮ 50 — 320 ᠲᠥᠭᠥᠷᠢᠭ / ᠮᠦ᠍ ᠪᠠᠭᠤᠷᠠᠵᠤ᠂ ᠲᠠᠷᠢᠶᠠᠴᠢᠳ᠎ᠤᠨ ᠬᠥᠮᠦᠨ ᠪᠦᠷᠢ ᠵᠢᠨ ᠳᠤᠮᠳᠠᠴᠢ ᠲᠠᠷᠢᠶᠠᠯᠠᠩ᠎ᠤᠨ ᠵᠢᠯ᠎ᠤᠨ ᠴᠡᠪᠡᠷ ᠣᠷᠣᠯᠭ᠎ᠠ ᠰᠢᠨ᠎ᠡ᠎ᠪᠠᠷ 1200 ᠲᠥᠭᠥᠷᠢᠭ ᠣᠷᠴᠢᠮ ᠨᠡᠮᠡᠭᠳᠡᠵᠦ᠂ ᠲᠦᠷᠦᠯ ᠵᠦᠢ᠍ᠯ᠎ᠤᠨ ᠤᠷᠤᠨ᠎ᠤ ᠠᠰᠢᠭ ᠭᠥᠷᠳᠡᠭᠰᠡᠨ ᠬᠦᠮᠦᠨ᠎ᠤ ᠲᠤᠭ᠎ᠠ 245 ᠲᠦᠮᠡ ᠭᠠᠷᠤᠢ᠎ᠳᠤ ᠬᠦᠷᠴᠦ᠂ ᠶᠠᠳᠠᠭᠤ ᠬᠦᠴᠢᠷᠳᠡᠯᠲᠡᠶ ᠬᠥᠮᠦᠨ ᠠᠮᠠ 24 ᠲᠦᠮᠡ ᠴᠦᠬᠡᠷᠡᠵᠦ᠂ ᠲᠠᠷᠢᠶᠠᠴᠢᠳ᠎ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠳᠠᠬᠢ ᠶᠡᠷᠦᠩᠬᠡᠶ ᠲᠠᠭ᠋ᠠᠰᠢᠶᠠᠯ᠎ᠤᠨ ᠬᠡᠮᠵᠢᠶ᠎ᠡ 92.75%᠎ᠳᠤ ᠬᠦᠷᠪᠡ᠃
      ᠭᠤᠷᠪᠠ᠎ᠳᠤ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠥᠷᠢᠯᠡᠬᠦ ᠵᠢ ᠲᠡᠩᠴᠡᠭᠦᠷᠢᠲᠡᠶ ᠪᠠᠢ᠌ᠯᠭ᠋ᠠᠵᠤ ᠶᠠᠰᠤ ᠴᠢᠨᠠᠷ ᠢᠯᠡᠳᠲᠡ ᠳᠡᠭᠡᠭᠰᠢᠯᠡᠪᠡ᠃ 《12·5》᠎ᠠᠴᠠ ᠨᠠᠰᠢ᠂ ᠬᠣᠯᠪᠣᠭᠳᠠᠯ ᠪᠦᠬᠦᠢ ᠳᠦᠷᠢᠮ ᠲᠤᠭᠲᠠᠭ᠋ᠠᠯ᠎ᠢ ᠳᠠᠰᠤᠷᠠᠯᠲᠠ ᠦᠬᠡᠢ ᠪᠦᠷᠢᠨᠰᠢᠭᠦᠯᠬᠦ᠎ᠪᠠᠷ ᠳᠠᠮᠵᠢᠭᠤᠯᠤᠨ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠲᠦᠷᠦᠯ ᠵᠦᠢ᠍ᠯ᠎ᠢ ᠬᠢᠨᠠᠨ ᠲᠣᠭᠲᠠᠭ᠋ᠠᠬᠤ᠂ ᠰᠢᠯᠭ᠋ᠠᠨ ᠠᠪᠬᠤ᠂ ᠮᠡᠳᠡᠭᠦᠯᠦᠨ ᠳᠠᠩᠰᠠᠯᠠᠭᠤᠯᠬᠤ ᠪᠠ ᠢᠯᠡᠷᠬᠡᠢ᠌ᠯᠡᠯ ᠡᠯᠭᠦᠨ ᠠᠷᠠᠯᠵᠢᠶᠠᠯᠠᠬᠤ ᠵᠡᠷᠭᠡ ᠠᠵᠢᠯ᠎ᠳᠤ ᠵᠢᠷᠤᠮᠵᠢᠭᠰᠠᠨ ᠬᠠᠮᠢᠶᠠᠷᠤᠯᠲᠠ ᠶᠠᠪᠤᠭᠤᠯᠪᠠ᠃ ᠪᠦᠬᠦ ᠤᠷᠤᠨ ᠵᠶ᠋ᠠᠷ ᠵᠶ᠋ᠠᠨ ᠪᠦᠳᠦᠬᠡᠨ ᠪᠠᠶ᠋ᠢᠭᠤᠯᠤᠯᠲᠠ ᠵᠢᠨ ᠪᠡᠯᠡ ᠮᠥᠩᠭᠥ ᠨᠡᠢ᠌ᠲᠡ 7.3 ᠳ᠋ᠦᠩᠰᠢᠭᠤᠷ ᠲᠥᠭᠥᠷᠢᠭ ᠤᠷᠤᠭᠤᠯᠵᠤ᠂ 3.52 ᠲᠦᠮᠡᠨ ᠾᠧᠺᠲ᠋ᠠᠷ (52.8 ᠲᠦᠮᠡᠨ ᠮᠦ᠍) ᠲᠠᠷᠢᠶᠠᠨ ᠭᠠᠵᠠᠷ᠎ᠢ ᠨᠡᠭᠡᠭᠡᠨ ᠠᠰᠢᠭᠯᠠᠨ ᠨᠦᠬᠦᠪᠦᠷᠢᠯᠡᠵᠦ᠂ ᠡᠳᠡᠭᠡᠷ᠎ᠨᠢ ᠦᠨᠳᠦᠰᠦᠨ᠎ᠳᠡᠭᠡᠨ ᠤᠰᠤᠨ ᠠᠰᠢᠭᠯᠠᠯᠲᠠ ᠵᠢᠨ ᠪᠡᠯᠡᠳᠬᠡᠮᠵᠢ ᠵᠢᠨ ᠨᠥᠬᠥᠴᠡᠯ ᠨᠡᠯᠢᠶᠡᠳ ᠰᠠᠢ᠍ᠢ᠍ᠨ ᠲᠠᠷᠢᠶᠠᠨ ᠭᠠᠵᠠᠷ ᠪᠤᠯᠤᠨ᠎ᠠ; ᠪᠦᠬᠦ ᠣᠷᠣᠨ᠎ᠤ ᠪᠦᠳᠦᠭᠡᠠ ᠪᠠᠶ᠋ᠢᠭᠤᠯᠤᠯᠲᠠ᠎ᠳᠤ 2.5808 ᠲᠦᠮᠡᠨ ᠾᠧᠺᠲ᠋ᠠᠷ (38.7 ᠲᠦᠮᠡᠨ ᠮᠦ᠍) ᠲᠠᠷᠢᠶᠠᠨ ᠭᠠᠵᠠᠷ᠎ᠢ ᠡᠵᠡᠯᠡᠨ ᠬᠡᠷᠡᠭᠯᠡᠵᠦ᠂ ᠴᠥᠮ ᠤᠷᠢᠳᠠᠪᠠᠷ ᠨᠥᠬᠥᠪᠥᠷᠢᠯᠡᠵᠦ ᠰᠡᠭᠦᠯᠡᠷ᠎ᠨᠢ ᠡᠵᠡᠯᠡᠬᠦ᠂ ᠰᠠᠢ᠌ᠨ᠎ᠢ᠎ᠨᠢ ᠡᠵᠡᠯᠡᠪᠡᠯ ᠰᠠᠢ᠌ᠨ ᠵᠶ᠋ᠠᠷ ᠨᠦᠬᠦᠪᠦᠷᠢᠯᠡᠬᠦ ᠱᠠᠭ᠋ᠠᠷᠳᠠᠯᠭ᠎ᠠ᠎ᠪᠠᠷ᠂ ᠡᠵᠡᠯᠡᠬᠦ ᠪᠠ ᠨᠥᠬᠥᠪᠥᠷᠢᠯᠡᠬᠦ ᠵᠢ ᠲᠡᠩᠴᠡᠭᠦᠷᠢᠲᠡᠶ ᠪᠠᠢ᠌ᠯᠭ᠋ᠠᠬᠤ ᠵᠢ ᠨᠡᠯᠢᠶᠡᠳ ᠰᠠᠢ᠌ᠨ ᠪᠡᠶᠡᠯᠡᠭᠦᠯᠪᠡ᠃
      ᠲᠦᠷᠪᠡ᠎ᠳᠤ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠵᠠᠭ᠋ᠠᠭᠯᠠᠨ ᠲᠣᠭᠲᠠᠭ᠋ᠠᠬᠤ ᠪᠠ ᠬᠠᠮᠠᠭ᠋ᠠᠯᠠᠬᠤ ᠠᠵᠢᠯ ᠰᠢᠨ᠎ᠡ ᠠᠬᠢᠴᠠ᠎ᠲᠠᠢ ᠪᠣᠯᠪᠠ᠃ 2013 ᠣᠨ᠎ᠠᠴᠠ ᠨᠠᠰᠢ᠂ ᠪᠦᠬᠦ ᠣᠷᠣᠨ᠎ᠤ ᠤᠯᠤᠰ᠎ᠤᠨ ᠭᠠᠵᠠᠷ ᠰᠢᠷᠣᠶ ᠪᠠ ᠲᠠᠷᠢᠶᠠᠯᠠᠩ᠎ᠤᠨ ᠰᠠᠯᠠᠭ᠎ᠠ ᠮᠥᠴᠢᠷ᠎ᠤᠳ ᠡᠯ᠎ᠡ ᠱᠠᠲᠤ ᠵᠢ ᠵᠤᠬᠢᠶᠠᠨ ᠪᠠᠢ᠌ᠭᠤᠯᠤᠨ ᠦᠨᠳᠦᠰᠦᠨ ᠲᠠᠷᠢᠶᠠᠨ ᠭᠠᠵᠠᠷ᠎ᠲᠤ ᠪᠦᠬᠦ ᠲᠠᠯ᠎ᠠ᠎ᠪᠠᠷ ᠬᠠᠷᠭᠤᠭᠤᠯᠤᠨ ᠨᠤᠲᠠᠯᠠᠨ ᠲᠤᠭᠲᠠᠭ᠋ᠠᠵᠤ᠂ ᠨᠡᠢ᠌ᠲᠡ 586.56 ᠲᠦᠮᠡᠨ ᠾᠧᠺᠲ᠋ᠠᠷ (8798 ᠲᠦᠮᠡᠨ ᠮᠦ᠍) ᠦᠨᠳᠦᠰᠦᠨ ᠲᠠᠷᠢᠶᠠᠨ ᠭᠠᠵᠠᠷ᠎ᠢ ᠬᠠᠷᠭᠤᠭᠤᠯᠤᠨ ᠨᠤᠲᠠᠯᠠᠨ ᠲᠤᠭᠲᠠᠭ᠋ᠠᠭᠰᠠᠨ ᠪᠦᠭᠡᠳ ᠭᠠᠵᠠᠷ ᠲᠠᠯᠠᠪᠠᠢ ᠪᠤᠯᠤᠨ ᠬᠠᠮᠠᠭ᠋ᠠᠯᠠᠬᠤ ᠬᠠᠷᠢᠭᠤᠴᠠᠯᠭ᠎ᠠ ᠵᠢ ᠪᠦᠬᠦᠨ᠎ᠢ ᠨᠠᠶ᠋ᠢᠳᠠᠪᠤᠷᠢᠵᠢᠭᠤᠯᠵᠤ᠂ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠲᠠᠯᠠᠪᠠᠢ ᠵᠢᠨ ᠦᠨᠡᠨ ᠪᠣᠳᠠᠲᠠᠶ᠂ ᠨᠠᠶ᠋ᠢᠳᠠᠪᠤᠷᠢᠲᠠᠶ᠂ ᠬᠦᠴᠦᠨ᠎ᠲᠠᠢ ᠪᠠᠢ᠌ᠬᠤ ᠵᠢ ᠦᠨᠡᠨ ᠬᠦ᠌ ᠪᠠᠲᠤᠯᠠᠪᠠ᠃ ᠡᠨᠡ ᠬᠦ᠌ ᠰᠠᠭᠤᠷᠢᠨ ᠳᠡᠭᠡᠷ᠎ᠡ᠂ ᠪᠥᠬᠥ ᠣᠷᠣᠨ᠎ᠤ ᠦᠨᠳᠦᠰᠦᠨ ᠲᠠᠷᠢᠶᠠᠨ ᠭᠠᠵᠠᠷ᠎ᠤᠨ ᠳ᠋ᠠᠶ᠋ᠢᠲ᠋ᠠ ᠬᠦᠮᠦᠷᠭᠡ ᠵᠢ ᠪᠠᠢ᠌ᠭᠤᠯᠵᠤ᠂ ᠦᠨᠳᠦᠰᠦᠨ ᠲᠠᠷᠢᠶᠠᠨ ᠭᠠᠵᠠᠷ᠎ᠢ ᠡᠷᠦᠬᠡ᠎ᠳᠤ ᠬᠦᠷᠲᠡᠯ᠎ᠡ ᠨᠠᠢ᠌ᠳᠠᠪᠤᠷᠢᠵᠢᠭᠤᠯᠵᠤ᠂ ᠵᠢᠷᠤᠭ᠎ᠲᠤ ᠭᠠᠷᠭ᠋ᠠᠨ ᠳ᠋ᠠᠢ᠌ᠲ᠋ᠠ ᠬᠥᠮᠥᠷᠭᠡ᠎ᠳᠤ ᠤᠷᠤᠭᠤᠯᠪᠠ᠃ ᠤᠯᠤᠰ᠎ᠤᠨ ᠶᠡᠷᠦᠩᠬᠡᠶ ᠪᠠᠶ᠋ᠢᠷᠢᠯᠠᠭᠤᠯᠤᠯᠲᠠ ᠶᠣᠰᠣᠭ᠋ᠠᠷ᠂ ᠬᠤᠳᠠ ᠵᠢᠨ ᠡᠷᠭᠢᠨ ᠲᠣᠭᠣᠷᠢᠨ᠎ᠤ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠵᠠᠭ᠋ᠠᠭᠯᠠᠨ ᠲᠣᠭᠲᠠᠭ᠋ᠠᠬᠤ ᠠᠵᠢᠯ᠎ᠢ ᠬᠢᠨᠠᠮᠠᠭ᠋ᠠᠶ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠤᠳᠠ ᠵᠢᠨ ᠡᠷᠬᠢᠨ ᠲᠣᠭᠣᠷᠢᠨ᠎ᠤ ᠴᠢᠨᠠᠷ ᠰᠠᠶ᠋ᠢᠲᠠᠶ ᠲᠠᠷᠢᠶᠠᠨ ᠭᠠᠵᠠᠷ᠎ᠤᠨ ᠳᠣᠲᠣᠷ᠎ᠠ᠎ᠠᠴᠠ 21 ᠲᠦᠮᠡᠨ ᠾᠧᠺᠲ᠋ᠠᠷ (315 ᠲᠦᠮᠡᠨ ᠮᠦ᠍)᠎ᠢ ᠦᠨᠳᠦᠰᠦᠨ ᠲᠠᠷᠢᠶᠠᠨ ᠭᠠᠵᠠᠷ᠎ᠲᠤ ᠰᠢᠨ᠎ᠡ᠎ᠪᠠᠷ ᠵᠠᠭ᠋ᠠᠭᠯᠠᠨ ᠤᠷᠤᠭᠤᠯᠵᠤ᠂ ᠵᠠᠭ᠋ᠠᠭᠯᠠᠨ ᠲᠣᠭᠲᠠᠭ᠋ᠠᠭᠰᠠᠨ᠎ᠤ ᠳᠠᠷᠠᠭ᠎ᠠ ᠪᠦᠬᠦ ᠣᠷᠣᠨ᠎ᠤ ᠬᠣᠲᠠ (ᠪᠠᠯᠭ᠋ᠠᠰᠤ) ᠵᠢᠨ ᠡᠷᠭᠢᠨ ᠲᠣᠭᠣᠷᠢᠨ᠎ᠤ ᠦᠨᠳᠦᠰᠦᠨ ᠲᠠᠷᠢᠶᠠᠨ ᠭᠠᠵᠠᠷ᠎ᠤᠨ ᠲᠠᠯᠠᠪᠠᠢ᠎ᠨᠢ 54.5 ᠲᠦᠮᠡᠨ ᠾᠧᠺᠲ᠋ᠠᠷ (817 ᠲᠦᠮᠡᠨ ᠮᠦ᠍)᠎ᠲᠤ ᠬᠦᠷᠴᠦ᠂ ᠬᠠᠮᠠᠭ᠋ᠠᠯᠠᠯᠲᠠ ᠵᠢᠨ ᠨᠣᠷᠮ᠎ᠠ᠎ᠨᠢ ᠤᠤᠯ᠎ᠳᠠᠭᠠᠨ 46% ᠪᠠᠢ᠌ᠭᠰᠠᠨ᠎ᠠᠴᠠ᠎ᠨᠢ 73% ᠬᠦᠷᠲᠡᠯ᠎ᠡ ᠳᠡᠭᠡᠭᠰᠢᠯᠡᠭᠦᠯᠵᠦ᠂ ᠲᠣᠭ᠎ᠠ ᠵᠢ ᠨᠡᠮᠡᠭᠳᠡᠭᠦᠯᠬᠦ᠂ ᠶᠠᠰᠤ ᠴᠢᠨᠠᠷ᠎ᠢ ᠳᠡᠭᠡᠭᠰᠢᠯᠡᠭᠦᠯᠬᠦ᠂ ᠬᠡᠯᠪᠡᠷᠢ ᠪᠠᠢ᠌ᠳᠠᠯ᠎ᠢ ᠰᠢᠯᠢᠳᠡᠭᠵᠢᠭᠦᠯᠬᠦ ᠱᠠᠭ᠋ᠠᠷᠳᠠᠯᠭ᠎ᠠ ᠵᠢ ᠪᠡᠶᠡᠯᠡᠭᠦᠯᠪᠡ᠃ ᠡᠳᠡᠭᠡᠷ ᠦᠨᠳᠦᠰᠦᠨ ᠲᠠᠷᠢᠶᠠᠨ ᠭᠠᠵᠠᠷ᠎ᠨᠢ ᠬᠣᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠣᠳᠠᠲᠤ ᠴᠣᠭᠴᠠ ᠵᠢᠨ ᠵᠠᠭ᠋ᠠᠭ ᠪᠠ ᠬᠠᠳᠠᠨ ᠴᠢᠨᠠᠷᠲᠠᠶ ᠬᠢᠵᠠᠭ᠋ᠠᠷᠯᠠᠯ ᠪᠤᠯᠵᠤ᠂ ᠬᠤᠳᠠ ᠵᠢᠨ ᠪᠦᠳᠦᠭᠡᠨ ᠪᠠᠶ᠋ᠢᠭᠤᠯᠤᠯᠲᠠ ᠵᠢ ᠭᠡᠳᠡᠷᠭᠦ ᠰᠢᠬᠠᠨ ᠭᠠᠷᠭ᠋ᠠᠵᠤ᠂ ᠬᠤᠯᠪᠤᠭ᠋ᠠᠯᠠᠬᠤ ᠬᠡᠯᠪᠡᠷᠢ᠂ ᠪᠦᠯᠬᠦᠮᠴᠢᠯᠡᠬᠦ ᠬᠡᠯᠪᠡᠷᠢ᠎ᠪᠠᠷ ᠬᠦᠭᠵᠢᠭᠦᠯᠬᠦ ᠪᠤᠯᠤᠨ᠎ᠠ᠃ ᠮᠠᠨ᠎ᠤ ᠤᠷᠤᠨ᠎ᠤ ᠵᠠᠭ᠋ᠠᠭᠯᠠᠨ ᠲᠣᠭᠲᠠᠭ᠋ᠠᠬᠤ ᠠᠵᠢᠯ᠎ᠨᠢ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠶᠠᠮᠤᠨ ᠪᠠ ᠬᠥᠳᠡᠭᠡ ᠠᠵᠤ ᠠᠬᠤᠶ ᠵᠢᠨ ᠶᠠᠮᠤᠨ᠎ᠤ ᠨᠤᠲᠠᠯᠠᠯᠲᠠ ᠵᠢ ᠤᠯᠵᠤ᠂ ᠪᠦᠬᠦ ᠤᠯᠤᠰ᠎ᠤᠨ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠵᠠᠭ᠋ᠠᠭᠯᠠᠨ ᠲᠣᠭᠲᠠᠭ᠋ᠠᠬᠤ ᠠᠵᠢᠯ᠎ᠤᠨ ᠲᠤᠬᠠᠢ ᠵᠢᠨ ᠭᠠᠵᠠᠷ᠎ᠤᠨ ᠬᠤᠷᠠᠯᠳᠤᠭ᠋ᠠᠨ ᠳᠡᠭᠡᠷ᠎ᠡ ᠲᠤᠷᠰᠢᠯᠭ᠎ᠠ᠎ᠪᠠᠨ ᠰᠤᠯᠢᠯᠴᠠᠭᠰᠠᠨ ᠪᠠᠶ᠋ᠢᠨ᠎ᠠ᠃ ᠣᠳᠣᠬᠠᠨ᠎ᠳᠤ᠂ ᠪᠢᠳᠡ ᠶᠠᠭ ᠪᠦᠬᠦ ᠬᠢᠵᠠᠭ᠋ᠠᠷ᠎ᠤᠨ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠵᠠᠭ᠋ᠠᠭᠯᠠᠨ ᠲᠣᠭᠲᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ ᠪᠠᠢ᠌ᠨ᠎ᠠ᠂ ᠴᠢᠷᠮᠠᠶ᠋ᠢᠯᠭ᠎ᠠ᠎ᠪᠠᠷ ᠳᠠᠮᠵᠢᠭ᠋ᠠᠳ᠂ ᠦᠨᠳᠦᠰᠦᠨ ᠲᠠᠷᠢᠶᠠᠨ ᠭᠠᠵᠠᠷ᠎ᠢ ᠬᠠᠮᠠᠭ᠋ᠠᠯᠠᠬᠤ ᠡᠭᠦᠷᠭᠡ ᠵᠢ ᠨᠡᠩ ᠪᠤᠲᠠᠲᠠᠢ ᠨᠠᠢ᠌ᠳᠠᠪᠤᠷᠢᠵᠢᠭᠤᠯᠬᠤ ᠪᠤᠯᠤᠨ᠎ᠠ᠃
      ᠲᠠᠪᠤ᠎ᠳᠤ ᠲᠠᠷᠢᠶᠠᠯᠠᠩ᠎ᠤᠨ ᠪᠣᠰᠤ ᠪᠦᠳᠦᠭᠡᠠ ᠪᠠᠶ᠋ᠢᠭᠤᠯᠤᠯᠲᠠ᠎ᠳᠤ ᠲᠠᠷᠢᠶᠠᠨ ᠭᠠᠵᠠᠷ ᠡᠵᠡᠯᠡᠨ ᠬᠡᠷᠡᠭᠯᠡᠬᠦ ᠵᠢ ᠪᠦᠲᠦᠮᠵᠢᠲᠡᠶ᠎ᠪᠠᠷ ᠬᠢᠵᠠᠭ᠋ᠠᠷᠯᠠᠪᠠ᠃ ᠤᠢ᠍ᠢ᠍ᠷ᠎ᠠ ᠵᠢᠨ ᠬᠡᠳᠦᠨ ᠵᠢᠯ᠎ᠳᠤ᠂ ᠮᠠᠨ᠎ᠤ ᠣᠷᠣᠨ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡᠪᠡᠷ ᠬᠡᠷᠡᠭᠯᠡᠨ᠂ ᠣᠷᠣᠯᠭ᠎ᠠ᠎ᠪᠠᠨ ᠨᠡᠮᠡᠭᠳᠡᠭᠦᠯᠵᠦ ᠵᠠᠷᠤᠯᠭ᠎ᠠ᠎ᠪᠠᠨ ᠠᠷᠪᠢᠯᠠᠬᠤ ᠵᠢ ᠪᠠᠷᠢᠮᠲᠠᠯᠠᠵᠤ᠂ ᠲᠠᠷᠢᠶᠠᠯᠠᠩ᠎ᠤᠨ ᠪᠤᠰᠤ ᠪᠦᠳᠦᠭᠡᠠ ᠪᠠᠶ᠋ᠢᠭᠤᠯᠤᠯᠲᠠ᠎ᠳᠤ ᠭᠠᠵᠠᠷ ᠡᠵᠡᠯᠡᠨ ᠬᠡᠷᠡᠭᠯᠡᠬᠦ ᠵᠢ ᠴᠢᠩᠭ᠎ᠠ ᠬᠢᠵᠠᠭ᠋ᠠᠷᠯᠠᠵᠤ᠂ ᠢᠳᠡᠪᠬᠢᠲᠡᠶ᠎ᠪᠠᠷ ᠬᠥᠲᠥᠯᠥᠨ ᠵᠢᠯᠣᠭᠣᠳᠴᠤ ᠪᠠᠢ᠌ᠭ᠋ᠠᠳ ᠪᠥᠳᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠦᠨᠳᠦᠰᠦᠨ ᠲᠠᠷᠢᠶᠠᠨ ᠭᠠᠵᠠᠷ ᠪᠠ ᠳᠡᠭᠡᠳᠦ ᠵᠡᠷᠭᠡ ᠵᠢᠨ ᠲᠠᠷᠢᠶᠠᠨ ᠭᠠᠵᠠᠷ᠎ᠢ ᠡᠵᠡᠯᠡᠬᠦ ᠵᠢ ᠠᠯᠢ ᠪᠣᠯᠬᠤ᠎ᠪᠠᠷ ᠵᠠᠢ᠌ᠯᠠᠭᠤᠯᠤᠨ᠂ ᠪᠤᠰᠤᠳ ᠭᠠᠵᠠᠷ᠎ᠢ ᠡᠵᠡᠯᠡᠵᠦ ᠪᠣᠯᠪᠡᠯ ᠲᠠᠷᠢᠶᠠᠨ ᠭᠠᠵᠠᠷ᠎ᠢ ᠡᠵᠡᠯᠡᠬᠦ ᠦᠭᠡᠢ᠂ ᠮᠠᠭᠤ ᠭᠠᠵᠠᠷ᠎ᠢ ᠡᠵᠡᠯᠡᠵᠦ ᠪᠣᠯᠪᠡᠯ ᠰᠠᠢ᠍ᠢ᠍ᠨ ᠭᠠᠵᠠᠷ᠎ᠢ ᠡᠵᠡᠯᠡᠬᠦ ᠦᠭᠡᠢ ᠪᠠᠢ᠌ᠯᠭ᠋ᠠᠵᠤ᠂ ᠲᠠᠷᠢᠶᠠᠨ ᠭᠠᠵᠠᠷ᠎ᠤᠨ ᠬᠣᠷᠣᠭᠳᠠᠬᠤ ᠵᠢ ᠦᠨᠡᠨ ᠬᠦ᠌ ᠬᠣᠷᠢᠭᠯᠠᠪᠠ᠃ ᠴᠢᠷᠮᠠᠢ᠌ᠯᠭ᠎ᠠ᠎ᠪᠠᠷ ᠳᠠᠮᠵᠢᠭᠤᠯᠤᠨ᠂ ᠮᠠᠨ᠎ᠤ ᠣᠷᠣᠨ᠎ᠤ ᠪᠡᠯᠡᠨ ᠪᠠᠢ᠌ᠭ᠎ᠠ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠪᠴᠢᠶ᠎ᠡ ᠵᠢ 10 ᠭᠠᠷᠤᠢ ᠲᠦᠮᠡᠨ ᠾᠧᠺᠲ᠋ᠠᠷ (150 ᠲᠦᠮᠡᠨ ᠮᠦ᠍) ᠠᠮᠢᠳᠤᠯᠢᠭᠵᠢᠭᠤᠯᠵᠤ᠂ 4000 ᠭᠠᠷᠤᠶ ᠲᠦᠮᠡᠨ ᠾᠧᠺᠲ᠋ᠠᠷ (6 ᠲᠦᠮᠡᠨ ᠮᠦ᠍) ᠲᠠᠷᠢᠶᠠᠨ ᠭᠠᠵᠠᠷ᠎ᠢ ᠰᠡᠷᠭᠦᠭᠡᠨ ᠬᠠᠭ᠋ᠠᠯᠪᠤᠷᠢᠯᠠᠵᠤ᠂ ᠰᠤᠯᠠ ᠰᠡᠯᠡᠭᠦᠦ ᠭᠠᠵᠠᠷ ᠰᠢᠷᠣᠶ ᠵᠢ 4880 ᠾᠧᠺᠲ᠋ᠠᠷ (7.3 ᠲᠦᠮᠡᠨ ᠮᠦ᠍) ᠢᠯᠭ᠋ᠠᠷᠠᠭᠤᠯᠵᠤ᠂ ᠪᠦᠲᠦᠭᠡᠨ ᠪᠠᠶ᠋ᠢᠭᠤᠯᠤᠯᠲᠠ᠎ᠳᠤ ᠲᠠᠷᠢᠶᠠᠨ ᠭᠠᠵᠠᠷ᠎ᠢ ᠰᠢᠨ᠎ᠡ᠎ᠪᠠᠷ ᠡᠵᠡᠯᠡᠨ ᠬᠡᠷᠡᠭᠯᠡᠬᠦ ᠳᠠᠷᠤᠯᠲᠠ ᠵᠢ ᠪᠦᠲᠦᠮᠵᠢᠲᠡᠶ᠎ᠪᠠᠷ ᠬᠥᠩᠭᠡᠷᠡᠭᠦᠯᠪᠡ᠃ ᠪᠠᠶᠠᠨᠨᠠᠭᠤᠷ ᠬᠤᠳᠠ ᠪᠣᠯᠤᠨ 16 ᠬᠣᠰᠢᠭᠤ ᠰᠢᠶᠠᠨ (ᠬᠤᠳᠠ)᠎ᠨᠢ ᠪᠦᠬᠦ ᠤᠯᠤᠰ᠎ᠤᠨ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠢ ᠠᠷᠪᠢᠲᠠᠶ ᠡᠷᠴᠢᠮᠯᠢᠭ ᠬᠡᠷᠡᠭᠯᠡᠭᠰᠡᠨ ᠵᠢᠱ᠌ᠢᠶᠡᠴᠢ ᠰᠢᠶᠠᠨ (ᠬᠤᠳᠠ) ᠵᠶ᠋ᠡᠷ ᠰᠠᠶ᠋ᠢᠰᠢᠶᠠᠨ ᠬᠥᠬᠢᠭᠦᠯᠦᠭᠳᠡᠪᠡ᠃
      ᠬᠥᠲᠥᠯᠥᠭᠴᠢ᠄
      ᠣᠳᠣᠬᠠᠨ᠎ᠳᠤ ᠮᠠᠨ᠎ᠤ ᠣᠷᠣᠨ᠎ᠤ ᠲᠠᠷᠢᠶᠠᠨ ᠭᠠᠵᠠᠷ᠎ᠢ ᠬᠠᠮᠠᠭ᠋ᠠᠯᠠᠬᠤ ᠠᠵᠢᠯ᠎ᠳᠤ ᠶᠠᠮᠠᠷ ᠶᠠᠮᠠᠷ ᠪᠠᠭᠤᠷᠠᠶ ᠲᠠᠯ᠎ᠠ ᠣᠷᠣᠰᠢᠵᠤ ᠪᠠᠢ᠌ᠬᠤ ᠪᠤᠢ?
      ᠵᠣᠣ ᠳ᠋ᠠ ᠶᠦᠩ᠄
      ᠶᠡᠷᠦᠩᠬᠡᠶ᠎ᠳᠤᠨᠢ ᠠᠪᠴᠤ ᠬᠡᠯᠡᠪᠡᠯ᠂ ᠮᠠᠨ᠎ᠤ ᠣᠷᠣᠨ᠎ᠤ ᠲᠠᠷᠢᠶᠠᠨ ᠭᠠᠵᠠᠷ᠎ᠢ ᠬᠠᠮᠠᠭ᠋ᠠᠯᠠᠬᠤ ᠠᠵᠢᠯ᠎ᠳᠤ ᠳᠣᠣᠷᠠᠬᠢ ᠮᠡᠨᠳᠦ ᠲᠤᠢ᠍ᠷᠪᠡᠠ ᠲᠠᠯ᠎ᠠ ᠵᠢᠨ ᠠᠰᠠᠭᠤᠳᠠᠯ ᠣᠷᠣᠰᠢᠵᠤ ᠪᠤᠢ᠂ ᠡᠭᠦᠨ᠎ᠢ ᠴᠢᠬᠤᠯᠠᠴᠢᠯᠠᠨ ᠦᠵᠡᠬᠦ ᠬᠡᠷᠡᠭᠲᠡᠶ ᠮᠥᠷᠲᠡᠭᠡᠨ ᠭᠣᠣᠯᠴᠢᠯᠠᠨ ᠰᠢᠢ᠍ᠳᠪᠦᠷᠢᠯᠡᠬᠦ ᠬᠡᠷᠡᠭᠲᠡᠶ ᠪᠠᠢ᠌ᠨ᠎ᠠ᠃
      ᠨᠢᠭᠡ᠎ᠳᠤ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ᠎ᠤᠨ ᠪᠦᠳᠦᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠴᠢᠬᠤᠯᠠᠲᠠᠢ ᠪᠠᠢ᠌ᠨ᠎ᠠ᠃ ᠵᠢᠱ᠌ᠢᠶᠡᠯᠡᠪᠡᠯ᠂ ᠳᠡᠭᠡᠪᠦᠷ ᠵᠢᠷᠤᠭ ᠲᠥᠯᠥᠪᠯᠡᠭᠡ᠎ᠳᠤ᠂ ᠵᠠᠰᠠᠭ᠎ᠤᠨ ᠣᠷᠳᠣᠨ᠎ᠠᠴᠠ ᠭᠣᠣᠯᠯᠠᠨ ᠤᠳᠤᠷᠢᠳᠤᠭᠰᠠᠨ ᠶᠡᠷᠦᠩᠬᠡᠶ ᠲᠥᠯᠥᠪᠵᠢᠭᠦᠯᠭᠡ ᠳᠤᠲᠠᠮᠠᠭ᠂ ᠪᠦᠲᠦᠭᠡᠨ ᠪᠠᠶ᠋ᠢᠭᠤᠯᠤᠯᠲᠠ ᠵᠢᠨ ᠬᠡᠯᠪᠡᠷᠢ᠎ᠨᠢ ᠳᠠᠡᠭ ᠴᠤᠯᠭᠤᠶ᠂ ᠴᠠᠭ ᠳᠠᠷᠤᠢ᠎ᠳᠤᠨᠢ ᠮᠡᠳᠡᠭᠦᠯᠦᠨ ᠳᠠᠩᠰᠠᠯᠠᠭᠤᠯᠬᠤ ᠦᠭᠡᠢ ᠪᠠᠶ᠋ᠢᠬᠤ ᠵᠡᠷᠭᠡ ᠠᠰᠠᠭᠤᠳᠠᠯ ᠣᠷᠣᠰᠢᠵᠤ ᠪᠠᠶ᠋ᠢᠨ᠎ᠠ; ᠲᠠᠷᠢᠶᠠᠯᠠᠩ᠎ᠳᠤ ᠬᠣᠯᠪᠣᠭᠳᠠᠬᠤ ᠪᠡᠯᠡ ᠮᠥᠩᠭᠥ ᠵᠢ ᠬᠡᠷᠡᠭᠯᠡᠬᠦ ᠬᠠᠮᠢᠶᠠᠷᠬᠤ ᠲᠠᠯ᠎ᠠ᠎ᠪᠠᠷ ᠬᠡᠰᠡᠭ ᠬᠡᠰᠡᠭ ᠰᠠᠯᠭ᠋ᠠᠬᠤ᠂ ᠲᠤᠰ ᠲᠤᠰ ᠵᠶ᠋ᠠᠷ ᠵᠶ᠋ᠠᠨ ᠦᠢ᠍ᠯᠡᠳᠬᠦ᠂ ᠪᠡᠯᠡ ᠣᠷᠣᠭᠤᠯᠤᠯᠲᠠ ᠲᠠᠷᠠᠬᠠᠶ ᠪᠤᠲᠠᠷᠬᠠᠶ ᠪᠠᠢ᠌ᠬᠤ ᠵᠡᠷᠭᠡ ᠦᠵᠡᠭᠳᠡᠯ ᠣᠷᠣᠰᠢᠵᠤ ᠪᠠᠢ᠌ᠨ᠎ᠠ; ᠲᠦᠷᠦᠯ ᠵᠦᠢ᠍ᠯ᠎ᠤᠨ ᠬᠡᠷᠡᠭᠵᠢᠭᠦᠯᠦᠯᠲᠡ᠎ᠳᠤ᠂ ᠶᠡᠷᠦᠩᠬᠡᠶ ᠠᠬᠢᠴᠠ᠎ᠨᠢ ᠬᠠᠷᠢᠴᠠᠩᠭᠤᠶ ᠤᠳᠠᠭ᠋ᠠᠨ ᠪᠠᠢ᠌ᠬᠤ᠂ ᠬᠡᠰᠡᠭ ᠬᠣᠰᠢᠭᠤ ᠰᠢᠶᠠᠨ᠎ᠤ ᠭᠠᠵᠠᠷ ᠰᠢᠷᠣᠶ ᠵᠢ ᠴᠡᠭᠴᠡᠯᠡᠨ ᠵᠠᠰᠠᠬᠤ ᠲᠥᠷᠥᠯ ᠵᠦᠢ᠍ᠯ᠎ᠤᠨ ᠲᠥᠰᠥᠪ᠎ᠢ ᠭᠦᠢ᠍ᠴᠡᠳᠬᠡᠬᠦ ᠨᠤᠷᠮ᠎ᠠ ᠨᠡᠯᠢᠶᠡᠳ ᠳᠣᠣᠷ᠎ᠠ ᠪᠠᠢ᠌ᠬᠤ᠂ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠨᠢᠭᠡᠴᠡ ᠠᠵᠢᠯ ᠲᠥᠷᠥᠯ᠎ᠤᠨ ᠬᠠᠮᠢᠶᠠᠷᠤᠯᠲᠠ᠎ᠨᠢ ᠨᠡᠯᠢᠶᠡᠳ ᠳᠤᠲᠠᠮᠠᠭ ᠪᠠᠶ᠋ᠢᠬᠤ ᠠᠰᠠᠭᠤᠳᠠᠯ ᠣᠷᠣᠰᠢᠵᠤ ᠪᠠᠢ᠌ᠨ᠎ᠠ; ᠨᠡᠶ᠋ᠢᠭᠡᠮ᠎ᠤᠨ ᠬᠥᠷᠥᠩᠭᠡ ᠵᠢ ᠲᠠᠲᠠᠵᠤ ᠭᠠᠵᠠᠷ ᠰᠢᠷᠣᠶ ᠵᠢ ᠴᠡᠭᠴᠡᠯᠡᠨ ᠵᠠᠰᠠᠬᠤ ᠠᠵᠢᠯ᠎ᠳᠤ ᠣᠷᠣᠯᠴᠠᠭᠤᠯᠬᠤ ᠲᠠᠯ᠎ᠠ᠎ᠪᠠᠷ᠂ ᠲᠦᠷᠦ ᠵᠢᠨ ᠪᠤᠳᠤᠯᠭ᠎ᠠ ᠵᠢᠨ ᠤᠷᠮᠠᠰᠢᠭᠤᠯᠤᠯ᠎ᠤᠨ ᠲᠣᠭᠲᠠᠴᠠ ᠳᠤᠲᠠᠮᠠᠭ ᠪᠠᠢ᠌ᠬᠤ᠂ ᠨᠡᠶ᠋ᠢᠭᠡᠮ᠎ᠤᠨ ᠬᠥᠷᠥᠩᠭᠡ ᠵᠢᠨ ᠣᠷᠤᠭᠤᠯᠤᠯᠲᠠ ᠵᠢᠨ ᠢᠳᠡᠪᠬᠢᠵᠢᠯ᠎ᠢ ᠲᠡᠢ᠍ᠢ᠍ᠴᠢᠯᠡᠵᠦ ᠴᠢᠳᠠᠬᠤ ᠤᠢ᠍ᠭᠡᠢ ᠪᠠᠢ᠌ᠬᠤ ᠪᠥᠭᠡᠳ ᠪᠡᠯᠡ ᠮᠥᠩᠭᠥ ᠣᠷᠣᠭᠤᠯᠬᠤ ᠠᠷᠭ᠎ᠠ ᠵᠠᠮ᠎ᠨᠢ ᠴᠤᠯᠭᠤᠶ ᠪᠠᠶ᠋ᠢᠬᠤ ᠠᠰᠠᠭᠤᠳᠠᠯ ᠣᠷᠣᠰᠢᠵᠤ ᠪᠠᠶ᠋ᠢᠨ᠎ᠠ᠃ ᠣᠳᠣᠬᠠᠨ᠎ᠳᠤ᠂ ᠪᠦᠬᠦ ᠣᠷᠣᠨ᠎ᠳᠤ ᠴᠡᠭᠴᠡᠯᠡᠨ ᠵᠠᠰᠠᠬᠤ ᠴᠢᠬᠤᠯᠠᠲᠠᠢ ᠤᠰᠤᠯᠠᠯᠲᠠ ᠵᠢᠨ ᠨᠥᠬᠥᠴᠡᠯ᠎ᠲᠠᠢ ᠤᠰᠤᠯᠠᠯᠲᠠ ᠵᠢᠨ ᠭᠠᠵᠠᠷ ᠪᠠᠷᠤᠭ 1500 ᠲᠦᠮᠡᠨ ᠮᠦ᠍ ᠵᠢ ᠳᠠᠪᠠᠵᠤ᠂ ᠤᠰᠤᠯᠠᠯᠲᠠ ᠵᠢᠨ ᠪᠡᠯᠡᠳᠬᠡᠮᠵᠢ ᠤᠢ᠍ᠭᠡᠢ ᠲᠠᠷᠢᠶᠠᠨ ᠭᠠᠵᠠᠷ᠎ᠤᠨ ᠪᠠᠷᠤᠭ 5000 ᠲᠦᠮᠡᠨ ᠮᠦ᠍ ᠵᠢ᠎ᠨᠢ ᠴᠡᠭᠴᠡᠯᠡᠨ ᠵᠠᠰᠠᠬᠤ᠎ᠪᠠᠷ ᠳᠠᠮᠵᠢᠭᠤᠯᠵᠤ ᠶᠠᠰᠤ ᠴᠢᠨᠠᠷ᠎ᠢ᠎ᠨᠢ ᠳᠡᠭᠡᠭᠰᠢᠯᠡᠭᠦᠯᠵᠦ ᠪᠣᠯᠬᠤ ᠲᠤᠯᠠ ᠲᠠᠷᠢᠶᠠᠨ ᠭᠠᠵᠠᠷ᠎ᠢ ᠪᠦᠲᠦᠭᠡᠯᠴᠢ ᠴᠢᠨᠠᠷᠲᠠᠶ ᠬᠠᠮᠠᠭ᠋ᠠᠯᠠᠬᠤ ᠡᠭᠦᠷᠭᠡ ᠪᠡᠷᠬᠡ ᠬᠠᠲᠠᠭᠤᠵᠢᠯᠲᠠᠶ ᠪᠦᠭᠡᠳ ᠨᠦᠰᠡᠷ ᠬᠦᠨᠳᠦ ᠪᠠᠶ᠋ᠢᠨ᠎ᠠ᠃
      ᠬᠣᠶᠠᠷ᠎ᠲᠤ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠵᠢ ᠬᠢᠨᠠᠨ ᠬᠠᠮᠢᠶᠠᠷᠬᠤ ᠡᠷᠴᠢᠮ᠎ᠢ ᠤᠯᠠᠮ ᠴᠢᠩᠭ᠋ᠠᠷᠠᠭᠤᠯᠬᠤ ᠴᠢᠬᠤᠯᠠᠲᠠᠢ ᠪᠠᠢ᠌ᠨ᠎ᠠ᠃ ᠵᠠᠷᠢᠮ ᠬᠣᠰᠢᠭᠤ ᠰᠢᠶᠠᠨ᠎ᠳᠤ ᠡᠵᠡᠯᠡᠬᠦ ᠵᠢ ᠴᠢᠬᠤᠯᠠᠴᠢᠯᠠᠨ ᠨᠥᠬᠥᠪᠥᠷᠢᠯᠡᠬᠦ ᠵᠢ ᠬᠥᠩᠭᠡᠪᠴᠢᠯᠡᠬᠦ᠂ ᠰᠠᠢ᠌ᠨ᠎ᠢ᠎ᠨᠢ ᠡᠵᠡᠯᠡᠨ ᠮᠠᠭᠤ ᠵᠢ᠎ᠨᠢ ᠨᠥᠬᠥᠪᠥᠷᠢᠯᠡᠬᠦ ᠠᠰᠠᠭᠤᠳᠠᠯ ᠣᠷᠣᠰᠢᠵᠤ ᠪᠠᠢ᠌ᠨ᠎ᠠ; ᠵᠠᠷᠢᠮ ᠲᠠᠷᠢᠶᠠᠨ ᠭᠠᠵᠠᠷ᠎ᠢ ᠨᠥᠬᠥᠪᠥᠷᠢᠯᠡᠬᠦ ᠲᠥᠷᠥᠯ ᠵᠦᠢ᠍ᠯ᠎ᠢ ᠰᠢᠯᠭ᠋ᠠᠨ ᠬᠤᠷᠢᠶᠠᠬᠤ ᠬᠢᠨᠠᠯᠲᠠ ᠴᠢᠩᠭ᠎ᠠ ᠪᠣᠰᠤ᠂ ᠬᠣᠵᠢᠮ᠎ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠎ᠳᠤ ᠪᠡᠷᠬᠡ᠂ ᠲᠠᠷᠢᠶᠠᠯᠠᠬᠤ ᠵᠢ ᠪᠠᠲᠤᠯᠠᠵᠤ ᠴᠢᠳᠠᠬᠤ ᠦᠭᠡᠢ ᠪᠠᠢ᠌ᠬᠤ ᠵᠡᠷᠭᠡ ᠠᠰᠠᠭᠤᠳᠠᠯ ᠣᠷᠣᠰᠢᠵᠤ ᠪᠠᠢ᠌ᠨ᠎ᠠ᠃
      ᠭᠤᠷᠪᠠ᠎ᠳᠤ ᠦᠨᠳᠦᠰᠦᠨ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ ᠶᠠᠰᠤ ᠴᠢᠨᠠᠷ ᠠᠮᠢ ᠠᠬᠤᠶ 《ᠭᠤᠷᠪᠠ ᠵᠢ   ᠴᠣᠭᠴᠠᠵᠢᠭᠤᠯᠬᠤ》 ᠣᠨᠴᠠᠭ᠋ᠠᠶ ᠬᠠᠮᠠᠭ᠋ᠠᠯᠠᠯᠲᠠ ᠵᠢᠨ ᠲᠦᠷᠦ ᠵᠢᠨ ᠪᠤᠳᠤᠯᠭ᠎ᠠ ᠵᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠬᠤ   ᠴᠢᠬᠤᠯᠠᠲᠠᠢ ᠪᠠᠢ᠌ᠨ᠎ᠠ᠃ ᠵᠠᠷᠢᠮ ᠭᠠᠵᠠᠷ ᠣᠷᠣᠨ ᠦᠨᠳᠦᠰᠦᠨ ᠲᠠᠷᠢᠶᠠᠨ ᠭᠠᠵᠠᠷ᠎ᠢ ᠵᠠᠭ᠋ᠠᠭᠯᠠᠨ ᠲᠣᠭᠲᠠᠭ᠋ᠠᠬᠤ ᠠᠵᠢᠯ᠎ᠢ ᠲᠦᠯᠬᠢᠨ ᠠᠬᠢᠭᠤᠯᠬᠤ ᠲᠠᠯ᠎ᠠ᠎ᠪᠠᠷ ᠰᠤᠯᠠ᠂ ᠰᠠᠨᠠᠭ᠋ᠠᠴᠢᠯᠠᠭ᠋ᠠᠲᠤ ᠴᠢᠨᠠᠷ ᠵᠶ᠋ᠠᠷ ᠳᠤᠲᠠᠮᠠᠭ᠂ ᠶᠡᠬᠡ ᠲᠠᠯ᠎ᠠ ᠵᠢᠨ ᠤᠬᠠᠮᠰᠠᠷ ᠪᠠ   ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠵᠶ᠋ᠠᠷ ᠳᠤᠲᠠᠮᠠᠭ ᠪᠠᠢ᠌ᠨ᠎ᠠ; ᠣᠨᠴᠠ ᠵᠠᠷᠢᠮ ᠭᠠᠵᠠᠷ ᠣᠷᠣᠨ᠎ᠳᠤ ᠦᠨᠳᠦᠰᠦᠨ ᠲᠠᠷᠢᠶᠠᠨ ᠭᠠᠵᠠᠷ᠎ᠢ ᠬᠠᠤᠯᠢ ᠪᠤᠰᠤ᠎ᠪᠠᠷ ᠡᠵᠡᠯᠡᠨ ᠪᠦᠳᠦᠭᠡᠨ ᠪᠠᠶ᠋ᠢᠭᠤᠯᠤᠯᠲᠠ ᠬᠢᠬᠦ᠂ ᠦᠨᠳᠦᠰᠦᠨ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》᠂ ᠦᠨᠳᠦᠰᠦᠨ ᠲᠠᠷᠢᠶᠠᠨ ᠭᠠᠵᠠᠷ᠎ᠤᠨ ᠣᠨᠴᠠᠭ᠋ᠠᠶ ᠬᠠᠮᠠᠭ᠋ᠠᠯᠠᠯᠲᠠ ᠵᠢᠨ ᠲᠦᠷᠦ ᠵᠢᠨ ᠪᠤᠳᠤᠯᠭ᠎ᠠ ᠵᠢ ᠪᠣᠳᠠᠲᠠᠶ ᠭᠠᠵᠠᠷ᠎ᠲᠤᠨᠢ ᠨᠠᠶ᠋ᠢᠳᠠᠪᠤᠷᠢᠵᠢᠭᠤᠯᠵᠤ ᠳᠡᠶ᠋ᠢᠯᠦᠭᠡ ᠦᠭᠡᠢ ᠵᠡᠷᠭᠡ ᠠᠰᠠᠭᠤᠳᠠᠯ ᠣᠷᠣᠰᠢᠵᠤ ᠪᠠᠢ᠌ᠨ᠎ᠠ᠃
      ᠲᠦᠷᠪᠡ᠎ᠳᠤ ᠲᠠᠷᠢᠶᠠᠨ ᠭᠠᠵᠠᠷ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠰᠠᠭᠤᠳᠠᠯ᠎ᠢ ᠤᠯᠠᠮ ᠨᠢᠭᠡ ᠠᠯᠬᠤᠮ ᠴᠢᠬᠤᠯᠠᠴᠢᠯᠠᠨ ᠦᠵᠡᠬᠦ ᠴᠢᠬᠤᠯᠠᠲᠠᠢ ᠪᠠᠢ᠌ᠨ᠎ᠠ᠃ ᠵᠦᠢ ᠵᠤᠬᠢᠰ ᠦᠭᠡᠢ ᠪᠤᠷᠳᠤᠭᠤᠷ ᠣᠷᠣᠭᠤᠯᠬᠤ᠂ ᠡᠮ ᠰᠠᠴᠤᠬᠤ ᠵᠡᠷᠭᠡ ᠵᠢᠨ ᠨᠥᠯᠥᠭᠡ᠎ᠠᠴᠠ ᠪᠤᠯᠵᠤ᠂ ᠲᠠᠷᠢᠶᠠᠯᠠᠩ᠎ᠤᠨ ᠤᠯᠠᠨ ᠡᠬᠢᠳᠤ ᠪᠣᠬᠢᠷᠲᠤᠯ᠎ᠢ ᠡᠭᠦᠰᠬᠡᠵᠦ᠂ ᠬᠥᠷᠥᠰᠥ ᠰᠢᠷᠣᠶ ᠵᠢᠨ ᠠᠽᠣᠲ ᠬᠦᠴᠢᠯ᠎ᠤᠨ ᠳᠠᠪᠤᠰᠤ᠂ ᠲᠠᠷᠢᠶᠠᠨ ᠡᠮ᠎ᠤᠨ ᠦᠯᠡᠳᠡᠭᠳᠡᠯ ᠪᠠᠷᠢᠮᠵᠢᠶ᠎ᠠ᠎ᠠᠴᠠ ᠬᠡᠲᠦᠷᠡᠭᠰᠡᠨ ᠦᠵᠡᠭᠳᠡᠯ ᠮᠠᠰᠢ ᠬᠦᠨᠳᠦ ᠨᠣᠴᠢᠲᠠᠶ ᠪᠠᠶ᠋ᠢᠨ᠎ᠠ᠃ ᠬᠣᠶᠠᠳᠤᠭ᠋ᠠᠷ ᠤᠳᠠᠭ᠋ᠠᠨ᠎ᠤ ᠬᠥᠷᠥᠰᠥ ᠰᠢᠷᠣᠶ ᠵᠢᠨ ᠨᠡᠶ᠋ᠢᠳᠡᠮ ᠪᠠᠶ᠋ᠢᠴᠠᠭ᠋ᠠᠯᠲᠠ᠎ᠠᠴᠠ ᠣᠳᠣ ᠪᠣᠯᠲᠠᠯᠠᠬᠢ 30 ᠭᠠᠷᠤᠶ ᠵᠢᠯ᠎ᠤᠨ ᠲᠤᠷᠰᠢ᠂ ᠲᠠᠷᠢᠶᠠᠨ ᠭᠠᠵᠠᠷ᠎ᠤᠨ ᠬᠦᠷᠡᠩ ᠬᠥᠷᠥᠰᠥᠨ᠎ᠤ ᠣᠷᠭ᠋ᠠᠨᠢᠭ ᠡᠳ᠋ 20 % ᠣᠷᠴᠢᠮ ᠵᠶ᠋ᠠᠷ ᠪᠠᠭᠤᠷᠠᠵᠤ᠂ ᠺᠠᠯᠼᠳᠤ ᠬᠦᠷᠡᠩ ᠬᠥᠷᠥᠰᠥᠨ᠎ᠤ ᠣᠷᠭ᠋ᠠᠨᠢᠭ ᠡᠳ᠋ 10 % ᠣᠷᠴᠢᠮ ᠵᠶ᠋ᠠᠷ ᠪᠠᠭᠤᠷᠠᠵᠤ᠂ ᠰᠦᠯᠢᠶᠣᠣ ᠪᠦᠷᠬᠦᠪᠴᠢ ᠵᠢᠨ ᠪᠣᠬᠢᠷᠲᠤᠯ ᠬᠡᠴᠡᠭᠦᠳᠡᠬᠦ ᠪᠠᠶ᠋ᠢᠳᠠᠯ᠎ᠲᠠᠢ ᠪᠠᠶ᠋ᠢᠨ᠎ᠠ᠃
      ᠬᠥᠲᠥᠯᠥᠭᠴᠢ᠄
      ᠳᠠᠷᠠᠭ᠋ᠠᠴᠢ ᠵᠢᠨ ᠠᠯᠬᠤᠮ᠎ᠤᠨ ᠠᠵᠢᠯ᠎ᠳᠤ ᠶᠠᠮᠠᠷ ᠪᠣᠳᠣᠯᠬᠢᠯᠠᠯ᠎ᠲᠠᠢ ᠪᠠᠢ᠌ᠬᠤ ᠪᠤᠢ?
      ᠵᠣᠣ ᠳ᠋ᠠ ᠶᠦᠩ᠄
      ᠲᠠᠷᠠᠭ᠋ᠠᠴᠢ ᠵᠢᠨ ᠠᠯᠬᠤᠮ᠎ᠳᠤ ᠲᠠᠷᠢᠶᠠᠨ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠭᠤᠷᠢ ᠵᠢ ᠤᠯᠠᠮ ᠨᠢᠭᠡ ᠠᠯᠬᠤᠮ ᠪᠡᠬᠢᠯᠡᠨ᠎ᠡ᠃
      ᠨᠢᠭᠡ᠎ᠳᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠤᠯᠠᠮ ᠨᠠᠶ᠋ᠢᠳᠠᠪᠤᠷᠢᠵᠢᠭᠤᠯᠵᠤ᠂ ᠲᠠᠷᠢᠶᠠᠨ ᠭᠠᠵᠠᠷ᠎ᠢ ᠬᠠᠮᠠᠭ᠋ᠠᠯᠠᠬᠤ 《ᠬᠠᠰᠢᠶ᠎ᠠ》 ᠵᠢ ᠪᠡᠬᠢᠯᠡᠨ᠎ᠡ᠃ ᠲᠠᠷᠢᠶᠠᠨ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠳᠦᠷᠢᠮ᠎ᠯᠦᠭᠡ ᠢᠵᠢ ᠪᠦᠷᠢᠳᠦᠭᠰᠡᠨ ᠪᠦᠲᠦᠮᠵᠢᠲᠡᠶ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ ᠪᠦᠷᠢᠨᠰᠢᠭᠦᠯᠵᠦ᠂ ᠲᠣᠭᠲᠠᠴᠠ ᠵᠢᠨ 《ᠲᠣᠣᠷ》᠎ᠢ ᠤᠯᠠᠮ ᠨᠢᠭᠲᠠᠯᠠᠵᠤ᠂ 《ᠦᠬᠡᠷ᠎ᠤᠨ ᠬᠠᠰᠢᠶ᠎ᠠ᠎ᠳᠤ ᠮᠤᠤᠷ ᠬᠣᠷᠢᠬᠤ》 ᠠᠰᠠᠭᠤᠳᠠᠯ᠎ᠢ ᠦᠨᠡᠨᠬᠦ ᠰᠢᠢ᠍ᠳᠪᠦᠷᠢᠯᠡᠨ᠎ᠡ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢᠨ ᠦᠵᠡᠯ ᠤᠬᠠᠮᠰᠠᠷ᠎ᠢ ᠴᠢᠩᠭ᠋ᠠᠳᠬᠠᠵᠤ᠂ ᠲᠠᠷᠢᠶᠠᠨ ᠭᠠᠵᠠᠷ᠎ᠢ ᠬᠠᠮᠠᠭ᠋ᠠᠯᠠᠯᠲᠠ ᠵᠢ ᠦᠨᠡᠯᠡᠬᠦ ᠰᠢᠰᠲ᠋ᠧᠮᠵᠢ ᠵᠢ ᠪᠦᠷᠢᠨᠰᠢᠭᠦᠯᠵᠦ᠂ ᠲᠠᠷᠢᠶᠠᠨ ᠭᠠᠵᠠᠷ᠎ᠢ ᠲᠤᠢ᠍ᠷᠦᠯ ᠬᠤᠪᠢᠶᠠᠨ ᠬᠠᠮᠠᠭ᠋ᠠᠯᠠᠬᠤ ᠵᠢ ᠰᠢᠨᠵᠢᠯᠡᠨ ᠰᠤᠳᠤᠯᠵᠤ᠂ ᠴᠢᠨᠠᠷ ᠰᠠᠶ᠋ᠢᠲᠠᠶ ᠲᠠᠷᠢᠶᠠᠨ ᠭᠠᠵᠠᠷ᠎ᠢ ᠬᠠᠮᠠᠭ᠋ᠠᠯᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠲᠠᠷᠢᠶᠠᠨ ᠭᠠᠵᠠᠷ᠎ᠢ ᠬᠠᠮᠠᠭ᠋ᠠᠯᠠᠬᠤ ᠨᠥᠬᠥᠪᠥᠷᠢ ᠣᠯᠭᠣᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠡᠯ᠎ᠡ ᠱᠠᠲᠤᠨ᠎ᠤ ᠲᠠᠷᠢᠶᠠᠨ ᠭᠠᠵᠠᠷ᠎ᠢ ᠬᠠᠮᠠᠭ᠋ᠠᠯᠠᠬᠤ ᠢᠳᠡᠪᠬᠢᠵᠢᠯ᠎ᠢ᠎ᠨᠢ ᠳᠠᠶ᠋ᠢᠴᠢᠯᠠᠵᠤ᠂ ᠮᠠᠨ᠎ᠤ ᠣᠷᠣᠨ᠎ᠤ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ ᠵᠢᠨ ᠬᠣᠷᠢᠭ᠎ᠠ ᠱᠤᠭᠤᠮ ᠪᠠ ᠶᠠᠰᠤ ᠴᠢᠨᠠᠷ᠎ᠤᠨ ᠬᠢᠵᠠᠭ᠋ᠠᠷ ᠱᠤᠭᠤᠮ᠎ᠢ ᠡᠷᠡᠰ ᠰᠠᠬᠢᠨ᠎ᠠ᠃
      ᠬᠣᠶᠠᠷ᠎ᠲᠤ ᠲᠠᠷᠢᠶᠠᠨ ᠭᠠᠵᠠᠷ᠎ᠢ ᠡᠵᠡᠯᠡᠬᠦ ᠨᠥᠬᠥᠪᠦᠷᠢᠯᠡᠬᠦ ᠵᠢ ᠲᠡᠩᠴᠡᠭᠦᠯᠬᠦ ᠬᠠᠮᠢᠶᠠᠷᠤᠯᠲᠠ ᠵᠢ ᠴᠢᠩᠭ᠋ᠠᠳᠬᠠᠵᠤ᠂ ᠨᠥᠬᠥᠪᠥᠷᠢᠯᠡᠬᠦ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ ᠶᠠᠰᠤ ᠴᠢᠨᠠᠷ᠎ᠢ ᠪᠣᠳᠠᠲᠠᠶ᠋ᠢᠵᠢᠭᠤᠯᠬᠤ ᠵᠢ ᠦᠨᠡᠨᠬᠦ ᠪᠠᠲᠤᠯᠠᠨ᠎ᠠ᠃ ᠢᠯᠡᠭᠦᠦ ᠡᠵᠡᠯᠡᠨ ᠳᠤᠲᠠᠭᠤ ᠨᠥᠬᠥᠪᠥᠷᠢᠯᠡᠬᠦ᠂ ᠰᠠᠢ᠍ᠢ᠍ᠨ᠎ᠢ᠎ᠨᠢ ᠡᠵᠡᠯᠡᠨ ᠮᠠᠭᠤ᠎ᠪᠠᠷ ᠨᠥᠬᠥᠪᠥᠷᠢᠯᠡᠬᠦ᠂ ᠤᠰᠤᠨ ᠲᠠᠷᠢᠶ᠎ᠠ ᠵᠢ ᠡᠵᠡᠯᠡᠨ ᠬᠠᠭᠤᠷᠠᠶ ᠲᠠᠷᠢᠶ᠎ᠠ᠎ᠪᠠᠷ ᠨᠥᠬᠥᠪᠥᠷᠢᠯᠡᠬᠦ ᠦᠵᠡᠭᠳᠡᠯ᠎ᠢ ᠲᠠᠰᠤ ᠬᠣᠷᠢᠭᠯᠠᠵᠤ᠂ ᠲᠠᠷᠢᠶᠠᠨ ᠭᠠᠵᠠᠷ᠎ᠢ ᠨᠥᠬᠥᠪᠥᠷᠢᠯᠡᠬᠦ ᠲᠥᠷᠥᠯ ᠵᠦᠢ᠍ᠯ᠎ᠢ ᠴᠥᠮ ᠴᠢᠨᠠᠷ ᠰᠠᠶ᠋ᠢᠲᠠᠶ ᠲᠠᠷᠢᠶᠠᠨ ᠭᠠᠵᠠᠷ ᠪᠣᠯᠭ᠋ᠠᠨ ᠪᠠᠶ᠋ᠢᠭᠤᠯᠵᠤ᠂ ᠲᠠᠷᠢᠶᠠᠨ ᠭᠠᠵᠠᠷ᠎ᠢ ᠨᠥᠬᠥᠪᠦᠷᠢᠯᠡᠬᠦ ᠪᠦᠲᠦᠭᠡᠨ ᠪᠠᠶ᠋ᠢᠭᠤᠯᠤᠯᠲᠠ ᠵᠢ ᠤᠳᠤ ᠪᠠᠶ᠋ᠢᠭ᠎ᠠ ᠳᠤᠮᠳᠠ ᠳᠣᠣᠷ᠎ᠠ ᠳᠡᠰ᠎ᠤᠨ ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠥᠭᠡᠷᠡᠴᠢᠯᠡᠬᠦ᠂ ᠲᠠᠷᠢᠶᠠᠨ ᠭᠠᠵᠠᠷ᠎ᠤᠨ ᠲᠠᠷᠢᠬᠤ ᠳᠠᠪᠬᠤᠷᠭ᠎ᠠ ᠵᠢᠨ ᠬᠥᠷᠥᠰᠥ ᠵᠢ ᠰᠠᠯᠭ᠋ᠠᠵᠤ ᠲᠠᠬᠢᠨ ᠠᠰᠢᠭᠯᠠᠬᠤ ᠪᠠ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠲᠠᠢ ᠬᠠᠷᠢᠯᠴᠠᠨ ᠤᠶᠠᠯᠳᠤᠭᠤᠯᠵᠤ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ᠎ᠪᠠᠷ ᠲᠠᠷᠢᠶᠠᠨ ᠭᠠᠵᠠᠷ᠎ᠢ ᠡᠵᠡᠯᠡᠬᠦ ᠨᠥᠬᠥᠪᠥᠷᠢᠯᠡᠬᠦ ᠵᠢ ᠲᠡᠩᠴᠡᠭᠦᠯᠬᠦ ᠠᠵᠢᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠎ᠡ᠃
      ᠭᠤᠷᠪᠠ᠎ᠳᠤ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠪᠦᠬᠦ ᠲᠠᠯ᠎ᠠ᠎ᠪᠠᠷ ᠵᠠᠭ᠋ᠠᠭᠯᠠᠨ ᠲᠣᠭᠲᠠᠭ᠋ᠠᠵᠤ᠂ ᠴᠢᠩᠭ᠎ᠠ ᠬᠠᠮᠢᠶᠠᠷᠤᠯᠲᠠ᠂ ᠣᠨᠴᠠᠭ᠋ᠠᠶ ᠬᠠᠮᠢᠶᠠᠷᠤᠯᠲᠠ ᠵᠢ ᠬᠡᠷᠡᠭᠵᠢᠭᠦᠯᠦᠨ᠎ᠡ᠃ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠶᠠᠮᠤᠨ᠎ᠤ ᠭᠠᠵᠠᠷ ᠰᠢᠷᠣᠶ ᠵᠢ ᠠᠰᠢᠭᠯᠠᠬᠤ ᠲᠥᠯᠥᠪᠵᠢᠭᠦᠯᠭᠡ ᠵᠢᠨ ᠲᠣᠬᠢᠷᠠᠭᠤᠯᠬᠤ ᠲᠥᠰᠦᠯ᠎ᠢ ᠦᠨᠳᠦᠰᠦᠯᠡᠵᠦ᠂ 2020 ᠣᠨ ᠪᠣᠯᠬᠤ᠎ᠳᠤ᠂ ᠮᠠᠨ᠎ᠤ ᠣᠷᠣᠨ᠎ᠤ ᠲᠠᠷᠢᠶᠠᠨ ᠭᠠᠵᠠᠷ᠎ᠤᠨ ᠬᠠᠳᠠᠭ᠋ᠠᠯᠠᠯᠲᠠ ᠵᠢᠨ ᠬᠡᠮᠵᠢᠶ᠎ᠡ ᠪᠠ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠲᠠᠯᠠᠪᠠᠢ ᠵᠢ ᠲᠤᠰ ᠲᠤᠰ 766.6 ᠲᠦᠮᠡᠨ ᠾᠧᠺᠲ᠋ᠠᠷ ᠪᠠ 620 ᠲᠦᠮᠡᠨ ᠾᠧᠺᠲ᠋ᠠᠷ   ᠪᠣᠯᠭ᠋ᠠᠨ ᠲᠣᠬᠢᠷᠠᠭᠤᠯᠵᠤ᠂ ᠲᠣᠬᠢᠷᠠᠭᠤᠯᠤᠯᠲᠠ ᠵᠢᠨ ᠡᠮᠦᠨᠡᠬᠢ᠎ᠠᠴᠠ ᠲᠤᠰ ᠲᠤᠰ 68.87 ᠲᠦᠮᠡᠨ ᠾᠧᠺᠲ᠋ᠠᠷ ᠪᠠ 11.87 ᠲᠦᠮᠡᠨ ᠾᠧᠺᠲ᠋ᠠᠷ ᠨᠡᠮᠡᠭᠳᠡᠭᠦᠯᠦᠨ᠎ᠡ᠂ ᠡᠢ᠌ᠮᠦ᠎ᠠᠴᠠ ᠮᠠᠨ᠎ᠤ ᠣᠷᠣᠨ᠎ᠤ ᠲᠠᠷᠢᠶᠠᠨ ᠭᠠᠵᠠᠷ ᠪᠣᠯᠤᠨ ᠦᠨᠳᠦᠰᠦᠨ ᠲᠠᠷᠢᠶᠠᠨ ᠭᠠᠵᠠᠷ᠎ᠢ ᠬᠠᠮᠠᠭ᠋ᠠᠯᠠᠬᠤ ᠡᠭᠦᠷᠭᠡ ᠨᠡᠩ ᠬᠠᠲᠠᠭᠤᠵᠢᠯᠲᠠᠶ ᠪᠠᠢ᠌ᠨ᠎ᠠ᠃ ᠳᠠᠷᠠᠭ᠋ᠠᠴᠢ ᠵᠢᠨ ᠠᠯᠬᠤᠮ᠎ᠳᠤ᠂ ᠤᠯᠤᠰ᠎ᠤᠨ ᠨᠢᠭᠡᠳᠦᠯᠲᠡᠶ ᠪᠠᠶ᠋ᠢᠷᠢᠯᠠᠭᠤᠯᠤᠯᠲᠠ ᠶᠣᠰᠣᠭ᠋ᠠᠷ᠂ ᠬᠢᠨᠠᠨ ᠲᠣᠭᠲᠠᠭ᠋ᠠᠭᠰᠠᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠬᠠᠷᠠᠯᠲᠠᠲᠤ ᠡᠭᠦᠷᠭᠡ ᠵᠢ ᠡᠷᠥᠭᠡ᠎ᠳᠤ ᠬᠦᠷᠲᠡᠯ᠎ᠡ ᠨᠠᠢ᠌ᠳᠠᠪᠤᠷᠢᠵᠢᠭᠤᠯᠵᠤ᠂ ᠵᠢᠷᠤᠭᠯᠠᠨ ᠲᠡᠮᠳᠡᠭᠯᠡᠵᠦ ᠳ᠋ᠠᠢ᠌ᠲ᠋ᠠ ᠬᠥᠮᠥᠷᠭᠡ᠎ᠳᠤ ᠣᠷᠣᠭᠤᠯᠵᠤ᠂ ᠦᠨᠳᠦᠰᠦᠨ ᠲᠠᠷᠢᠶᠠᠨ ᠭᠠᠵᠠᠷ᠎ᠤᠨ ᠬᠠᠮᠢᠶᠠᠷᠤᠯᠲᠠ ᠵᠢ ᠪᠠᠢ᠌ᠴᠠᠭ᠋ᠠᠵᠤ ᠪᠣᠯᠬᠤ᠂ ᠦᠵᠡᠵᠦ ᠪᠣᠯᠬᠤ᠂ ᠡᠵᠡᠮᠳᠡᠵᠦ ᠪᠣᠯᠬᠤ ᠪᠣᠯᠭ᠋ᠠᠵᠤ᠂ ᠦᠨᠡᠨᠬᠦ ᠰᠠᠢ᠌ᠳᠤᠷ ᠬᠠᠮᠢᠶᠠᠷᠴᠤ᠂ ᠰᠠᠢ᠌ᠳᠤᠷ ᠪᠠᠢ᠌ᠭᠤᠯᠵᠤ᠂ ᠪᠠᠲᠤ ᠰᠠᠬᠢᠵᠤ᠂ ᠮᠠᠨ᠎ᠤ ᠣᠷᠣᠨ᠎ᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠰᠠᠭᠤᠷᠢ ᠵᠢ ᠡᠷᠡᠰ ᠪᠠᠲᠤᠳᠬᠠᠨ᠎ᠠ᠃
      ᠲᠦᠷᠪᠡ᠎ᠳᠤ ᠲᠠᠷᠢᠶᠠᠨ ᠭᠠᠵᠠᠷ᠎ᠢ ᠪᠦᠲᠦᠭᠡᠯᠴᠢ᠎ᠪᠠᠷ ᠬᠠᠮᠠᠭ᠋ᠠᠯᠠᠬᠤ ᠵᠢ ᠬᠦᠴᠦᠯᠡᠨ ᠴᠢᠩᠭ᠋ᠠᠳᠬᠠᠵᠤ᠂ ᠬᠠᠷᠢᠴᠠᠯᠠᠰᠢᠭᠦᠢ ᠠᠮᠤᠷ ᠲᠦᠪᠰᠢᠨ 《ᠠᠮᠤ ᠬᠦᠨᠡᠰᠦᠨ᠎ᠤ ᠲᠠᠷᠢᠶ᠎ᠠ》 ᠵᠢ ᠪᠣᠢ ᠪᠣᠯᠭ᠋ᠠᠨ᠎ᠠ᠃ ᠲᠠᠷᠢᠶᠠᠨ ᠭᠠᠵᠠᠷ᠎ᠤᠨ ᠶᠠᠰᠤ ᠴᠢᠨᠠᠷ᠎ᠤᠨ ᠪᠦᠲᠦᠭᠡᠨ ᠪᠠᠶ᠋ᠢᠭᠤᠯᠤᠯᠲᠠ ᠪᠣᠯᠤᠨ ᠬᠠᠮᠢᠶᠠᠷᠤᠯᠲᠠ ᠵᠢᠨ ᠬᠠᠤᠯᠢ ᠲᠣᠭᠲᠠᠭ᠋ᠠᠬᠤ ᠠᠯᠬᠤᠴᠠ ᠵᠢ ᠲᠦᠷᠭᠡᠳᠬᠡᠵᠦ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠬᠠᠮᠠᠭ᠋ᠠᠯᠠᠬᠤ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠨᠡᠶ᠋ᠢᠲᠡᠯᠡᠬᠦ ᠪᠠ ᠪᠦᠷᠢᠨᠰᠢᠭᠦᠯᠬᠦ ᠵᠢ ᠠᠬᠢᠭᠤᠯᠵᠤ᠂ ᠲᠠᠷᠢᠶᠠᠨ ᠭᠠᠵᠠᠷ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠡᠭᠦᠷᠭᠡ ᠴᠢᠳᠠᠪᠤᠷᠢ ᠵᠢ ᠴᠢᠩᠭ᠋ᠠᠳᠬᠠᠵᠤ᠂ ᠲᠠᠷᠢᠶᠠᠨ ᠭᠠᠵᠠᠷ᠎ᠤᠨ ᠶᠠᠰᠤ ᠴᠢᠨᠠᠷ᠎ᠲᠤ ᠬᠢᠨᠠᠯᠲᠠ ᠲᠠᠯᠪᠢᠬᠤ᠂ ᠬᠠᠮᠢᠶᠠᠷᠬᠤ᠂ ᠠᠷᠠᠴᠢᠯᠠᠨ ᠬᠠᠮᠠᠭ᠋ᠠᠯᠠᠬᠤ ᠪᠠ ᠪᠦᠳᠦᠭᠡᠨ ᠪᠠᠢ᠌ᠭᠤᠯᠬᠤ ᠠᠵᠢᠯ᠎ᠢ ᠴᠢᠩᠭ᠋ᠠᠳᠬᠠᠨ᠎ᠠ᠃ 《13 · 5》 ᠵᠢᠨ ᠭᠠᠵᠠᠷ ᠰᠢᠷᠣᠶ ᠵᠢ ᠡᠮᠬᠢᠯᠡᠨ ᠵᠠᠰᠠᠬᠤ ᠲᠥᠯᠥᠪᠵᠢᠭᠦᠯᠭᠡ ᠶᠣᠰᠣᠭ᠋ᠠᠷ᠂ ᠰᠢᠨ᠎ᠡ ᠮᠠᠶᠢᠭ᠎ᠤᠨ ᠬᠣᠲᠠ ᠪᠠᠯᠭ᠋ᠠᠰᠤᠵᠢᠯᠲᠠ᠂ ᠲᠠᠷᠢᠶᠠᠯᠠᠩ᠎ᠤᠨ ᠣᠳᠣᠬᠢᠴᠢᠯᠠᠯᠲᠠ᠂ ᠠᠮᠢ ᠠᠬᠤᠶ ᠵᠢᠨ ᠪᠣᠯᠪᠠᠰᠤᠨ ᠪᠠ ᠤᠯᠤᠰ᠎ᠤᠨ ᠶᠠᠳᠠᠭᠤ ᠵᠢ ᠲᠡᠳᠬᠦᠬᠦ ᠪᠠᠶ᠋ᠢᠯᠳᠤᠬᠤ ᠪᠤᠳᠤᠯᠭ᠎ᠠ᠎ᠲᠠᠢ ᠨᠢᠭᠲᠠ ᠤᠶᠠᠯᠳᠤᠭᠤᠯᠤᠨ᠂ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ᠎ᠤᠨ ᠪᠦᠳᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠲᠦᠯᠬᠢᠨ ᠠᠬᠢᠭᠤᠯᠵᠤ᠂ 《ᠭᠠᠵᠠᠷ ᠲᠠᠷᠢᠶ᠎ᠠ᠎ᠪᠠᠷ ᠠᠮᠤ ᠪᠤᠳᠠᠭ᠎ᠠ ᠨᠥᠬᠡᠴᠡᠯᠡᠬᠦ᠂ ᠮᠡᠷᠭᠡᠵᠢᠯ ᠵᠶ᠋ᠠᠷ ᠠᠮᠤ ᠪᠤᠳᠠᠭ᠎ᠠ ᠨᠥᠬᠡᠴᠡᠯᠡᠬᠦ》 ᠪᠠᠶ᠋ᠢᠯᠳᠤᠬᠤ ᠪᠤᠳᠤᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ 《13·5》 ᠵᠢᠨ ᠬᠤᠭᠤᠴᠠᠭ᠋ᠠᠨ᠎ᠳᠤ ᠬᠡᠰᠡᠭ ᠬᠡᠰᠡᠭ ᠵᠶ᠋ᠠᠷ ᠲᠥᠪᠯᠡᠷᠡᠭᠦᠯᠦᠭᠰᠡᠨ᠂ ᠭᠠᠩᠳᠠᠯ ᠤᠰᠤᠲᠤᠯ᠎ᠳᠤ ᠬᠤᠷᠢᠶᠠᠯᠲᠠ ᠵᠢ ᠪᠠᠲᠤᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠳᠠᠬᠢᠨ 2500 ᠲᠦᠮᠡᠨ ᠮᠦ᠍ ᠪᠠᠢ᠌ᠭᠤᠯᠬᠤ ᠵᠢ ᠪᠠᠲᠤᠯᠠᠨ᠎ᠠ᠃
      ᠬᠥᠲᠥᠯᠥᠭᠴᠢ᠄
      ᠵᠣᠣ ᠳᠠᠷᠤᠭ᠎ᠠ ᠵᠢᠨ ᠲᠠᠢ᠌ᠯᠦᠮᠵᠢ ᠬᠢᠭᠰᠡᠨ᠎ᠳᠤ ᠲᠠᠯᠠᠷᠬᠠᠵᠤ ᠪᠠᠶ᠋ᠢᠨ᠎ᠠ᠂ ᠰᠦᠯᠵᠢᠶᠡᠨ ᠨᠠᠶ᠋ᠢᠵᠠ ᠨᠠᠷ᠎ᠤᠨ   ᠣᠷᠣᠯᠴᠠᠭᠰᠠᠨ᠎ᠳᠤ ᠪᠠᠶᠠᠷᠯᠠᠵᠤ ᠪᠠᠢ᠌ᠨ᠎ᠠ᠃ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠵᠠᠪᠰᠠᠷᠯᠠᠯ᠎ᠠ᠂ ᠳᠠᠷᠠᠭ᠋ᠠᠴᠢ ᠵᠢᠨ ᠬᠤᠭᠤᠴᠠᠭ᠋ᠠᠨ᠎ᠤ ᠫᠷᠤᠭ᠌ᠷᠠᠮ᠎ᠳᠤ ᠪᠠᠶᠠᠷᠲᠠᠢ ᠵᠣᠯᠭ᠋ᠠᠶ᠎ᠠ!


      ᠵᠤᠤ ᠳ᠋ᠠ ᠶᠦᠩ ᠳᠡᠳ᠋ ᠲᠢᠩᠬᠢᠮ᠎ᠤᠨ ᠳᠠᠷᠤᠭ᠎ᠠ ᠪᠠᠶᠠᠨᠨᠠᠭᠤᠷ ᠬᠤᠲᠠ ᠵᠢᠨ ᠤᠷᠠᠳ᠎ᠤᠨ ᠳᠤᠮᠳᠠᠳᠤ ᠬᠤᠰᠢᠭᠤᠨ᠎ᠤ ᠦᠯᠦ ᠬᠦᠳᠡᠯᠬᠦ ᠬᠦᠷᠦᠩᠭᠡ ᠵᠢᠨ ᠦᠮᠴᠢᠯᠡᠬᠦ ᠡᠷᠬᠡ ᠵᠢᠨ ᠦᠨᠡᠮᠯᠡᠯ᠎ᠤᠨ ᠠᠩᠬ᠎ᠠ ᠲᠠᠷᠬᠠᠭ᠋ᠠᠬᠤ ᠶᠤᠰᠤᠯᠠᠯ ᠳᠡᠭᠡᠷ᠎ᠡ ᠶᠠᠷᠢᠶ᠎ᠠ ᠲᠠᠯᠪᠢᠵᠤ ᠪᠠᠢ᠌ᠭ᠎ᠠ᠎ᠨᠢ


      ᠵᠤᠤ ᠳ᠋ᠠ ᠶᠦᠩ ᠳᠡᠳ᠋ ᠲᠢᠩᠬᠢᠮ᠎ᠤᠨ ᠳᠠᠷᠤᠭ᠎ᠠ ᠨᠠᠷ ᠲᠤᠬᠠᠢ ᠵᠢᠨ ᠭᠠᠵᠠᠷ᠎ᠤᠨ ᠨᠢᠭᠡᠳᠦᠭᠡᠷ ᠦᠯᠦ ᠬᠦᠳᠡᠯᠬᠦ ᠬᠦᠷᠦᠩᠭᠡ ᠵᠢᠨ ᠦᠮᠴᠢᠯᠡᠬᠦ ᠡᠷᠬᠡ ᠵᠢᠨ ᠦᠨᠡᠮᠯᠡᠯ᠎ᠢ ᠪᠠᠢ᠌ᠴᠠᠭ᠋ᠠᠨ ᠦᠵᠡᠵᠦ ᠪᠠᠢ᠌ᠭ᠎ᠠ᠎ᠨᠢ


ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ᠎ᠳᠤ ᠰᠢᠨ᠎ᠡ ᠵᠢ ᠡᠭᠦᠳᠦᠨ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠵᠢᠨ ᠬᠡᠷᠡᠭᠵᠢᠭᠦᠯᠬᠦ ᠲᠦᠰᠦᠯ》᠎ᠤᠨ ᠲᠠᠢ᠌ᠯᠤᠮᠵᠢ
ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ ᠪᠠ ᠪᠦᠯᠬᠦᠮᠳᠡᠨ ᠲᠡᠮᠡᠴᠡᠵᠦ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠤᠨ ᠰᠢᠨ᠎ᠡ ᠪᠠᠶ᠋ᠢᠳᠠᠯ᠎ᠢ ᠲᠠᠰᠤᠷᠠᠯᠳᠠ ᠦᠭᠡᠢ ᠡᠭᠦᠳᠦᠶ᠎ᠡ
ᠰᠠᠭᠤᠷᠢ ᠰᠤᠷᠭ᠋ᠠᠨ ᠬᠥᠮᠦᠵᠢᠯ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠲᠦᠯᠬᠢᠨ ᠠᠬᠢᠭᠤᠯᠵᠤ ᠰᠤᠷᠭ᠋ᠠᠨ ᠬᠥᠮᠥᠵᠢᠯ᠎ᠢ ᠴᠢᠨᠠᠷᠯᠢᠭ ᠲᠡᠩᠴᠡᠭᠦᠷᠢᠲᠡᠢ ᠬᠦᠭᠵᠢᠭᠦᠯᠬᠦ ᠵᠢ ᠠᠬᠢᠭᠤᠯᠤᠨ᠎ᠠ
ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠪᠠ ᠰᠢᠨ᠎ᠡ ᠵᠢ ᠡᠭᠦᠳᠴᠦ ᠠᠳᠠᠯ ᠦᠢᠯᠡᠰ ᠴᠣᠭᠴᠠᠯᠠᠬᠤ ᠵᠢ ᠬᠡᠷᠡᠭᠵᠢᠭᠦᠯᠬᠦ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈13 · 5〉 ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ》 ᠵᠢᠨ ᠲᠠᠢ᠌ᠯᠤᠮᠵᠢ
 
            