ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
《ᠥᠪᠥᠷ ᠮᠣᠩᠭᠣᠯ᠎ᠤᠨ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠲᠣᠪᠴᠢᠶ᠎ᠠ ᠵᠢᠨ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠵᠤ ᠠᠵᠤ ᠠᠬᠤᠶ ᠵᠢᠨ ᠬᠥᠭᠵᠢᠯᠲᠡ᠎ᠳᠤ ᠦᠢ᠍ᠯᠡᠴᠢᠯᠡᠬᠦ ᠵᠢ ᠬᠡᠷᠡᠭᠵᠢᠭᠦᠯᠬᠦ ᠰᠠᠨᠠᠯ》᠎ᠤᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2016-02-01

      ᠰᠤᠷᠪᠤᠯᠵᠢᠯᠠᠭᠰᠠᠨ ᠴᠠᠭ᠄

     2015 ᠣᠨ᠎ᠤ 12 ᠳ᠋ᠤᠭ᠋ᠠᠷ ᠰᠠᠷ᠎ᠠ ᠵᠢᠨ 30᠎ᠤ ᠡᠳᠦᠷ᠎ᠤᠨ ᠦᠳᠡ ᠵᠢᠨ ᠡᠮᠦᠨᠡᠬᠢ 10 ᠴᠠᠭ
      ᠰᠤᠷᠪᠤᠯᠵᠢᠯᠠᠭᠰᠠᠨ   ᠵᠣᠴᠢᠨ᠄  
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠲᠣᠪᠴᠢᠶ᠎ᠠ ᠵᠢᠨ ᠳᠡᠳ᠋ ᠲᠣᠭᠣᠷᠢᠨ ᠪᠠᠶ᠋ᠢᠴᠠᠭ᠋ᠠᠭᠴᠢ ᠹᠸᠡᠭ ᠶᠧ
      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
      ᠤᠯᠤᠰ ᠪᠠ ᠥᠪᠡᠷᠲᠡᠭᠡᠨ ᠵᠠᠰᠠᠬᠤ ᠣᠷᠣᠨ᠎ᠤ 《ᠨᠡᠮᠡᠭᠳᠡᠯ᠎ᠢ ᠲᠣᠭᠲᠠᠪᠤᠷᠢᠵᠢᠭᠤᠯᠬᠤ᠂ ᠪᠦᠲᠦᠴᠡ ᠵᠢ ᠲᠣᠬᠢᠷᠠᠭᠤᠯᠬᠤ᠂ ᠥᠭᠡᠷᠡᠴᠢᠯᠡᠯᠲᠡ ᠵᠢ ᠠᠬᠢᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ》 ᠪᠣᠯᠣᠨ ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠶ ᠵᠢ ᠲᠡᠳᠬᠦᠨ ᠳᠡᠮᠵᠢᠬᠦ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠣᠯᠤᠨ ᠤᠯᠤᠰ᠎ᠤᠨ ᠦᠢ᠍ᠯᠡᠳᠬᠦᠨ᠎ᠤ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠶᠡᠷᠦᠩᠬᠡᠶ ᠲᠣᠪᠴᠢᠶ᠎ᠠ ᠵᠢᠨ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ᠂ ᠴᠢᠯᠥᠭᠡᠲᠡᠶ ᠪᠠᠢ᠌ᠯᠭ᠋ᠠᠬᠤ ᠪᠠ ᠬᠠᠮᠢᠶᠠᠷᠬᠤ ᠵᠢ ᠤᠶᠠᠯᠳᠤᠭᠤᠯᠬᠤ᠂ ᠡᠭᠦᠷᠭᠡ ᠴᠢᠳᠠᠪᠤᠷᠢ ᠵᠢ ᠬᠤᠪᠢᠷᠠᠭᠤᠯᠬᠤ ᠠᠵᠢᠯ᠎ᠤᠨ ᠪᠠᠶ᠋ᠢᠷᠢᠯᠠᠭᠤᠯᠤᠯᠲᠠ ᠵᠢᠨ ᠶᠣᠰᠣᠭ᠋ᠠᠷ᠂ ᠥᠪᠡᠷᠲᠡᠭᠡᠨ ᠵᠠᠰᠠᠭ ᠣᠷᠣᠨ᠎ᠤ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠰᠢᠰᠲ᠋ᠧᠮᠵᠢ ᠵᠢᠨ ᠥᠭᠡᠷᠡᠴᠢᠯᠡᠯᠲᠡ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠭᠦᠨᠵᠡᠭᠡᠢ᠌ᠷᠡᠭᠦᠯᠵᠦ᠂ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢᠨ ᠪᠣᠳᠠᠲᠤ ᠦᠷ᠎ᠡ ᠪᠦᠲᠦᠮᠵᠢ ᠵᠢᠨ ᠴᠢᠨᠠᠷ᠎ᠢ ᠴᠢᠩᠭ᠋ᠠᠳᠬᠠᠵᠤ᠂ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠢᠳᠡᠪᠬᠢᠲᠡᠢ᠎ᠪᠠᠷ ᠠᠭᠤᠰᠤᠯᠴᠠᠬᠤ ᠵᠢᠨ ᠬᠠᠮᠲᠤ ᠦᠢ᠍ᠯᠡᠴᠢᠯᠡᠵᠦ᠂ ᠥᠪᠥᠷ ᠮᠣᠩᠭᠣᠯ᠎ᠤᠨ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠲᠣᠪᠴᠢᠶ᠎ᠠ᠎ᠠᠴᠠ 《ᠥᠪᠥᠷ ᠮᠣᠩᠭᠣᠯ᠎ᠤᠨ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠲᠣᠪᠴᠢᠶ᠎ᠠ ᠵᠢᠨ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠵᠤ ᠠᠵᠤ ᠠᠬᠤᠶ ᠵᠢᠨ ᠬᠥᠭᠵᠢᠯᠲᠡ᠎ᠳᠤ ᠦᠢ᠍ᠯᠡᠴᠢᠯᠡᠬᠦ ᠵᠢ ᠬᠡᠷᠡᠭᠵᠢᠭᠦᠯᠬᠦ ᠰᠠᠨᠠᠯ》᠎ᠢ ᠨᠡᠢ᠌ᠲᠡᠯᠡᠪᠡ᠃ 《ᠰᠠᠨᠠᠯ》᠎ᠤᠨ ᠬᠣᠯᠪᠣᠭᠳᠠᠯ ᠪᠦᠬᠦᠢ ᠠᠭᠤᠯᠭ᠎ᠠ ᠵᠢ ᠨᠡᠢ᠌ᠭᠡᠮ ᠨᠡᠢ᠌ᠲᠡ᠎ᠳᠤ ᠤᠯᠠᠮ ᠨᠢᠭᠡ ᠠᠯᠬᠤᠮ ᠭᠦᠨᠵᠡᠭᠡᠢ ᠣᠢ᠌ᠯᠠᠭ᠋ᠠᠬᠤ ᠵᠢᠨ ᠲᠤᠰᠠᠳᠠ᠂ ᠣᠶ᠋ᠢᠷ᠎ᠠ᠎ᠳᠤ᠂ ᠪᠢᠳᠡ ᠥᠪᠡᠷᠲᠡᠭᠡᠨ ᠵᠠᠰᠠᠭ ᠣᠷᠣᠨ᠎ᠤ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠲᠣᠪᠴᠢᠶ᠎ᠠ ᠵᠢᠨ ᠳᠡᠳ᠋ ᠲᠣᠭᠣᠷᠢᠨ ᠪᠠᠶ᠋ᠢᠴᠠᠭ᠋ᠠᠭᠴᠢ ᠹᠸᠡᠭ ᠶᠧ ᠵᠢ   ᠤᠷᠢᠪᠠ᠃


                        ᠰᠣᠷᠪᠤᠯᠵᠢᠯᠠᠭᠰᠠᠨ ᠪᠣᠳᠠᠲᠣ ᠠᠭᠤᠯᠭ᠎ᠠ
      ᠬᠥᠳᠦᠯᠦᠭᠴᠢ᠄
      ᠰᠦᠯᠵᠢᠶᠡᠨ ᠠᠨᠳᠠ ᠨᠠᠷ ᠰᠠᠢ᠌ᠨ ᠪᠠᠢ᠌ᠨ᠎ᠠ ᠤᠤ! ᠲᠣᠰ ᠬᠤᠭᠤᠴᠠᠭ᠋ᠠᠨ᠎ᠤ 《ᠳᠤᠮᠳᠠᠳᠤ ᠤᠯᠤᠰ· ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠣᠯᠵᠢᠯᠠᠭ᠎ᠠ ᠵᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳᠡ ᠥᠪᠡᠷᠲᠡᠭᠡᠨ ᠵᠠᠰᠠᠭ ᠣᠷᠣᠨ᠎ᠤ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠲᠣᠪᠴᠢᠶ᠎ᠠ ᠵᠢᠨ ᠳᠡᠳ᠋ ᠲᠣᠭᠣᠷᠢᠨ ᠪᠠᠶ᠋ᠢᠴᠠᠭ᠋ᠠᠭᠴᠢ ᠹᠸᠡᠭ ᠶᠧ ᠵᠢ ᠤᠷᠢᠵᠤ᠂ ᠪᠢᠳᠡᠨ᠎ᠳᠤ ᠰᠦᠯᠵᠢᠶᠡᠨ ᠳᠡᠭᠡᠷ᠎ᠡ 《ᠰᠠᠨᠠᠯ》 ᠵᠢᠨ ᠲᠠᠢ᠌ᠯᠤᠮᠵᠢ ᠬᠢᠬᠦ᠎ᠪᠠᠷ ᠪᠤᠢ᠂ ᠰᠦᠯᠵᠢᠶᠡᠨ ᠠᠨᠳᠠ ᠨᠠᠷ ᠮᠠᠨ᠎ᠤ ᠪᠤᠯᠤᠩ᠎ᠳᠤ ᠢᠳᠡᠪᠬᠢᠲᠡᠢ᠎ᠪᠠᠷ ᠣᠷᠣᠯᠴᠠᠭᠰᠠᠨ᠎ᠢ ᠪᠠᠶᠠᠷᠯᠠᠨ ᠤᠭᠲᠤᠵᠤ ᠪᠠᠶ᠋ᠢᠨ᠎ᠠ᠃ ᠹᠸᠡᠭ ᠳᠠᠷᠤᠭ᠎ᠠ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
      ᠹᠸᠡᠭ ᠶᠧ᠄
      ᠬᠥᠲᠥᠯᠥᠭᠴᠢ ᠰᠠᠢ᠌ᠨ ᠤᠤ! ᠰᠦᠯᠵᠢᠶᠡᠨ ᠨᠠᠶ᠋ᠢᠵᠠ ᠨᠠᠷ ᠰᠠᠢ᠌ᠨ ᠪᠠᠢ᠌ᠵᠠᠭ᠋ᠠᠨᠠᠤ!   ᠥᠪᠡᠷᠲᠡᠭᠡᠨ ᠵᠠᠰᠠᠬᠤ ᠣᠷᠣᠨ᠎ᠤ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠠᠵᠢᠯ᠎ᠤᠨ ᠲᠠᠯ᠎ᠠ᠎ᠪᠠᠷ ᠲᠠ ᠪᠦᠬᠦᠨ᠎ᠲᠠᠢ ᠵᠣᠭᠣᠭᠳᠠᠬᠤ ᠲᠣᠬᠢᠶᠠᠯ᠎ᠲᠠᠢ ᠪᠣᠯᠣᠭᠰᠠᠨ᠎ᠳᠠᠭᠠᠨ ᠲᠤᠩ ᠪᠠᠶᠠᠷᠯᠠᠵᠤ ᠪᠠᠢ᠌ᠨ᠎ᠠ᠃
      ᠬᠥᠲᠥᠯᠥᠭᠴᠢ᠄
      ᠹᠸᠡᠭ ᠳᠠᠷᠤᠭ᠎ᠠ᠂ ᠶᠠᠭᠤᠨ᠎ᠤ ᠡᠮᠦᠨ᠎ᠡ ᠲᠠ 《ᠥᠪᠥᠷ ᠮᠣᠩᠭᠣᠯ᠎ᠤᠨ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠲᠣᠪᠴᠢᠶ᠎ᠠ ᠵᠢᠨ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠵᠤ ᠠᠵᠤ ᠠᠬᠤᠶ ᠵᠢᠨ ᠬᠥᠭᠵᠢᠯᠲᠡ᠎ᠳᠤ ᠦᠢ᠍ᠯᠡᠴᠢᠯᠡᠬᠦ ᠵᠢ ᠬᠡᠷᠡᠭᠵᠢᠭᠦᠯᠬᠦ ᠰᠠᠨᠠᠯ》᠎ᠤᠨ ᠨᠡᠶ᠋ᠢᠲᠡᠯᠡᠭᠳᠡᠭᠰᠡᠨ ᠠᠬᠤᠶ ᠪᠠᠶ᠋ᠢᠳᠠᠯ᠎ᠢ ᠲᠠᠨᠢᠯᠴᠠᠭᠤᠯᠤᠭ᠋ᠠᠳ ᠦᠭᠭᠦᠨ᠎ᠡ ᠤᠤ᠃
      ᠹᠸᠡᠭ ᠶᠧ᠄
      ᠤᠯᠤᠰ ᠪᠠ ᠥᠪᠡᠷᠲᠡᠭᠡᠨ ᠵᠠᠰᠠᠬᠤ ᠣᠷᠣᠨ᠎ᠤ 《ᠨᠡᠮᠡᠭᠳᠡᠯ᠎ᠢ ᠲᠣᠭᠲᠠᠪᠤᠷᠢᠵᠢᠭᠤᠯᠬᠤ᠂ ᠪᠦᠲᠦᠴᠡ ᠵᠢ ᠲᠣᠬᠢᠷᠠᠭᠤᠯᠬᠤ᠂ ᠥᠭᠡᠷᠡᠴᠢᠯᠡᠯᠲᠡ ᠵᠢ ᠠᠬᠢᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ》 ᠪᠣᠯᠣᠨ ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠶ ᠵᠢ ᠲᠡᠳᠬᠦᠨ ᠳᠡᠮᠵᠢᠬᠦ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠣᠯᠤᠨ ᠤᠯᠤᠰ᠎ᠤᠨ ᠦᠢ᠍ᠯᠡᠳᠬᠦᠨ᠎ᠤ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠶᠡᠷᠦᠩᠬᠡᠶ ᠲᠣᠪᠴᠢᠶ᠎ᠠ ᠵᠢᠨ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ᠂ ᠴᠢᠯᠥᠭᠡᠲᠡᠶ ᠲᠠᠯᠪᠢᠬᠤ ᠪᠠ ᠬᠠᠮᠢᠶᠠᠷᠬᠤ ᠵᠢ ᠤᠶᠠᠯᠳᠤᠭᠤᠯᠬᠤ᠂ ᠡᠭᠦᠷᠭᠡ ᠴᠢᠳᠠᠪᠤᠷᠢ ᠵᠢ ᠬᠤᠪᠢᠷᠠᠭᠤᠯᠬᠤ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠥᠪᠡᠷᠲᠡᠭᠡᠨ ᠵᠠᠰᠠᠭ ᠣᠷᠣᠨ᠎ᠤ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠰᠢᠰᠲ᠋ᠧᠮᠵᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠭᠦᠨᠵᠡᠭᠡᠢ ᠲᠦᠯᠬᠢᠨ ᠠᠬᠢᠭᠤᠯᠵᠤ᠂ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢᠨ ᠪᠣᠳᠠᠲᠤ ᠦᠷ᠎ᠡ ᠪᠦᠲᠦᠮᠵᠢ ᠵᠢ ᠴᠢᠩᠭ᠋ᠠᠳᠬᠠᠵᠤ᠂ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠢᠳᠡᠪᠬᠢᠲᠡᠢ᠎ᠪᠠᠷ ᠠᠭᠤᠰᠤᠯᠴᠠᠬᠤ ᠵᠢᠨ ᠬᠠᠮᠲᠤ ᠦᠢ᠍ᠯᠡᠴᠢᠯᠡᠵᠦ᠂ ᠥᠪᠥᠷ ᠮᠣᠩᠭᠣᠯ᠎ᠤᠨ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠲᠣᠪᠴᠢᠶ᠎ᠠ 《ᠥᠪᠥᠷ ᠮᠣᠩᠭᠣᠯ᠎ᠤᠨ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠲᠣᠪᠴᠢᠶ᠎ᠠ ᠵᠢᠨ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠵᠤ ᠠᠵᠤ ᠠᠬᠤᠶ ᠵᠢᠨ ᠬᠥᠭᠵᠢᠯᠲᠡ᠎ᠳᠤ ᠦᠢ᠍ᠯᠡᠴᠢᠯᠡᠬᠦ ᠵᠢ ᠬᠡᠷᠡᠭᠵᠢᠭᠦᠯᠬᠦ ᠰᠠᠨᠠᠯ》᠎ᠢ ᠨᠡᠶ᠋ᠢᠲᠡᠯᠡᠵᠡᠶ᠃
      ᠬᠥᠲᠥᠯᠥᠭᠴᠢ᠄
     《ᠰᠠᠨᠠᠯ》᠎ᠳᠤ ᠳᠤᠷᠠᠳᠤᠭᠳᠠᠭᠰᠠᠨ 《ᠵᠠᠰᠠᠭ ᠵᠠᠬᠢᠷᠭ᠋ᠠᠨ᠎ᠤ ᠡᠷᠬᠡ ᠵᠢ ᠴᠤᠮᠬᠠᠳᠬᠠᠬᠤ》 ᠭᠡᠰᠡᠨ ᠵᠠᠩᠭᠢᠯᠠᠭ᠎ᠠ ᠵᠢᠨ ᠦᠭᠡ᠎ᠨᠢ ᠪᠣᠳᠠᠲᠠᠶ᠎ᠪᠠᠷ ᠶᠠᠭᠤ ᠵᠢ ᠵᠢᠭ᠋ᠠᠵᠤ ᠪᠠᠢ᠌ᠭ᠎ᠠ ᠪᠤᠢ?
      ᠹᠸᠡᠭ ᠶᠧ᠄
      ᠵᠠᠰᠠᠭ ᠵᠠᠬᠢᠷᠭ᠋ᠠᠨ᠎ᠤ ᠡᠷᠬᠡ ᠵᠢ ᠴᠤᠮᠬᠠᠳᠬᠠᠬᠤ ᠭᠡᠳᠡᠭ᠎ᠨᠢ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠡᠷᠬᠡ ᠵᠢᠨ ᠨᠠᠷᠢᠨ ᠳᠠᠩᠰᠠ ᠵᠢᠨ ᠬᠥᠳᠡᠯᠦᠩᠭᠦᠶ ᠬᠠᠮᠢᠶᠠᠷᠤᠯᠲᠠ ᠵᠢᠨ ᠲᠣᠭᠲᠠᠴᠠ ᠵᠢ   ᠪᠠᠢ᠌ᠭᠤᠯᠵᠤ᠂ ᠵᠠᠰᠠᠭ ᠵᠠᠬᠢᠷᠭ᠋ᠠᠨ᠎ᠤ ᠡᠷᠬᠡ ᠵᠢ ᠤᠯᠠᠮ ᠨᠢᠭᠡ ᠠᠯᠬᠤᠮ ᠴᠣᠮᠬᠠᠳᠬᠠᠬᠤ ᠵᠢ ᠵᠢᠭ᠋ᠠᠵᠤ ᠪᠠᠢ᠌ᠨ᠎ᠠ᠃ ᠤᠯᠤᠰ ᠣᠷᠣᠨ᠎ᠤ ᠠᠮᠤᠷ ᠲᠦᠪᠰᠢᠨ᠂ ᠣᠷᠴᠢᠨ ᠲᠣᠭᠣᠷᠢᠨ᠎ᠤ ᠠᠮᠢ ᠠᠬᠤᠶ ᠵᠢᠨ ᠠᠮᠤᠷ ᠲᠦᠪᠰᠢᠨ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠣᠯᠣᠨ ᠤᠯᠠᠨ ᠨᠡᠶ᠋ᠢᠲᠡ ᠵᠢᠨ ᠡᠷᠡᠭᠦᠯ ᠮᠡᠨᠳᠦ ᠵᠡᠷᠭᠡ ᠴᠢᠬᠤᠯᠠ ᠶᠡᠬᠡ ᠤᠯᠠᠨ ᠨᠡᠶ᠋ᠢᠲᠡ ᠵᠢᠨ ᠠᠰᠢᠭ ᠲᠤᠰᠠ ᠵᠢᠨ ᠶᠠᠪᠤᠳᠠᠯ᠎ᠳᠤ ᠬᠣᠯᠪᠣᠭᠳᠠᠬᠤ᠎ᠠᠴᠠ ᠪᠤᠰᠤᠳ ᠬᠢᠨᠠᠨ ᠵᠥᠪᠰᠢᠶᠡᠷᠡᠬᠦ ᠵᠦᠢ᠍ᠯᠡᠰ᠎ᠢ ᠵᠠᠷᠴᠢᠮ ᠳᠡᠭᠡᠷ᠎ᠡ᠎ᠪᠠᠨ ᠳᠣᠷᠣᠭᠰᠢ ᠪᠠᠭᠤᠯᠭ᠋ᠠᠬᠤ ᠪᠠ ᠬᠦᠴᠦᠨ ᠦᠭᠡᠢ ᠪᠣᠯᠭ᠋ᠠᠬᠤ᠎ᠪᠠᠷ ᠭᠣᠣᠯ ᠪᠣᠯᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠣᠯᠤᠨ ᠤᠯᠤᠰ᠎ᠤᠨ ᠦᠢ᠍ᠯᠡᠳᠬᠦᠨ᠎ᠤ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠶᠡᠷᠦᠩᠬᠡᠶ ᠲᠣᠪᠴᠢᠶ᠎ᠠ᠎ᠠᠴᠠ ᠲᠣᠲᠣᠷᠬᠠᠢ ᠵᠠᠷᠯᠢᠭ ᠪᠠᠭᠤᠯᠭ᠋ᠠᠵᠤ ᠬᠦᠴᠦᠨ ᠦᠭᠡᠢ ᠪᠣᠯᠭ᠋ᠠᠬᠤ ᠡᠷᠬᠡ ᠵᠢ ᠡᠷᠡᠰ ᠦᠭᠡᠢ᠌ᠰᠭᠡᠵᠦ᠂ 《ᠪᠠᠭᠤᠯᠭ᠋ᠠᠬᠤ》 ᠴᠢᠬᠤᠯᠠᠲᠠᠢ ᠵᠢ᠎ᠨᠢ ᠲᠤᠶ᠋ᠢᠯᠪᠤᠷᠢᠲᠠᠶ ᠪᠠᠭᠤᠯᠭ᠋ᠠᠵᠤ᠂ 《ᠴᠤᠮᠬᠠᠳᠬᠠᠬᠤ》 ᠴᠢᠬᠤᠯᠠᠲᠠᠢ ᠵᠢ᠎ᠨᠢ ᠲᠤᠶ᠋ᠢᠯᠪᠤᠷᠢᠲᠠᠶ ᠬᠠᠰᠤᠵᠤ᠂ 《ᠦᠭᠡᠢ᠌ᠰᠭᠡᠬᠦ》 ᠴᠢᠬᠤᠯᠠᠲᠠᠢ ᠵᠢ᠎ᠨᠢ ᠲᠤᠶ᠋ᠢᠯᠪᠤᠷᠢᠲᠠᠶ ᠦᠭᠡᠢ᠌ᠰᠭᠡᠵᠦ᠂ ᠪᠦᠷᠢᠮᠦᠰᠦᠨ ᠲᠤᠢ᠌ᠯᠪᠤᠷᠢᠲᠠᠢ ᠬᠢᠵᠦ᠂ ᠬᠤᠪᠢᠷᠠᠭᠤᠯᠤᠨ ᠬᠡᠷᠡᠭᠵᠢᠭᠦᠯᠵᠦ ᠣᠭᠲᠣ ᠪᠣᠯᠬᠤ ᠦᠭᠡᠢ᠂ ᠠᠵᠤ ᠠᠬᠤᠶ᠋ᠢᠯᠠᠯ᠎ᠤᠨ ᠬᠦᠯᠢᠶᠡᠰᠦᠯᠡᠯ᠎ᠢ ᠦᠨᠡᠨ ᠬᠦ᠌ ᠠᠯᠲᠠᠷᠭ᠋ᠠᠵᠤ᠂ ᠳᠠᠷᠤᠭ᠋ᠠᠰᠤ ᠵᠢ ᠦᠨᠡᠨ ᠬᠦ᠌ ᠬᠦᠩᠭᠡᠷᠡᠭᠦᠯᠦᠨ᠎ᠡ᠃ ᠥᠪᠥᠷ ᠮᠣᠩᠭᠣᠯ᠎ᠤᠨ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠲᠣᠪᠴᠢᠶ᠎ᠠ   ᠵᠢᠨ ᠤᠳᠤ ᠪᠠᠢ᠌ᠭ᠎ᠠ 301 ᠵᠦᠢ᠍ᠯ᠎ᠤᠨ ᠵᠠᠰᠠᠭ ᠵᠠᠬᠢᠷᠭ᠋ᠠᠨ᠎ᠤ ᠡᠷᠬᠡ ᠵᠢᠨ ᠰᠠᠭᠤᠷᠢᠨ ᠳᠡᠭᠡᠷ᠎ᠡ᠂ 2015 ᠣᠨ᠎ᠳᠤ 78 ᠵᠦᠢ᠍ᠯ᠎ᠢ ᠳᠣᠷᠣᠭᠰᠢ ᠪᠠᠭᠤᠯᠭ᠋ᠠᠵᠤ᠂ 5 ᠵᠦᠢ᠍ᠯ᠎ᠢ ᠬᠦᠴᠦᠨ ᠦᠭᠡᠢ ᠪᠣᠯᠭ᠋ᠠᠵᠤ᠂ 37 ᠵᠦᠢ᠍ᠯ᠎ᠢ ᠨᠡᠶ᠋ᠢᠯᠡᠭᠦᠯᠦᠨ 16 ᠵᠦᠢ᠍ᠯ ᠪᠣᠯᠭ᠋ᠠᠵᠤ᠂ 103 ᠵᠦᠢ᠍ᠯ᠎ᠤᠨ ᠵᠠᠰᠠᠭ ᠵᠠᠬᠢᠷᠭ᠋ᠠᠨ᠎ᠤ ᠡᠷᠬᠡ ᠵᠢ ᠴᠤᠮᠬᠠᠳᠬᠠᠵᠤ᠂   ᠦᠢ᠍ᠯᠡᠳᠪᠦᠷᠢᠯᠡᠯ᠎ᠤᠨ ᠵᠥᠪᠰᠢᠶᠡᠷᠡᠯ ᠪᠣᠯᠣᠨ ᠰᠢᠯᠭ᠋ᠠᠨ ᠪᠠᠶ᠋ᠢᠴᠠᠭ᠋ᠠᠵᠤ ᠪᠠᠶ᠋ᠢᠴᠠᠭ᠋ᠠᠨ ᠬᠡᠮᠵᠢᠬᠦ ᠬᠢᠷᠢ ᠴᠢᠳᠠᠮᠵᠢ ᠵᠢᠨ ᠦᠨᠡᠮᠯᠡᠯ᠎ᠤᠨ ᠬᠦᠴᠦᠨ᠎ᠲᠠᠢ ᠬᠤᠭᠤᠴᠠᠭ᠋ᠠᠨ᠎ᠳᠠᠬᠢ ᠬᠤᠪᠢᠷᠠᠭᠤᠯᠬᠤ ᠵᠦᠢ᠍ᠯᠡᠰ᠎ᠤᠨ ᠬᠢᠨᠠᠨ ᠵᠥᠪᠰᠢᠶᠡᠷᠡᠯ᠎ᠢ ᠴᠤᠮᠬᠠᠳᠬᠠᠨ ᠳᠣᠷᠣᠭᠰᠢ ᠪᠠᠭᠤᠯᠭ᠋ᠠᠵᠤ᠂ 2017 ᠣᠨ ᠪᠣᠯᠬᠤ᠎ᠳᠤ150᠎ᠠᠴᠠ ᠳᠡᠭᠡᠭᠰᠢ ᠵᠠᠰᠠᠭ ᠵᠠᠬᠢᠷᠭ᠋ᠠᠨ᠎ᠤ ᠡᠷᠬᠡ ᠵᠢ ᠠᠯᠬᠤᠮ ᠠᠯᠬᠤᠮ ᠵᠶ᠋ᠠᠷ ᠳᠣᠭᠣᠭᠰᠢ ᠪᠠᠭᠤᠯᠭ᠋ᠠᠵᠤ᠂ ᠬᠦᠴᠦᠨ ᠦᠭᠡᠶ ᠪᠣᠯᠭ᠋ᠠᠨ᠎ᠠ᠃
      ᠬᠥᠲᠥᠯᠥᠭᠴᠢ᠄
     《ᠰᠠᠨᠠᠯ》᠎ᠨᠢ ᠵᠠᠰᠠᠭ ᠵᠠᠬᠢᠷᠭ᠋ᠠᠨ᠎ᠤ ᠡᠷᠬᠡ ᠵᠢ ᠴᠣᠮᠬᠠᠳᠬᠠᠬᠤ ᠬᠠᠷᠠᠯᠲᠠ ᠵᠢ ᠲᠥᠯᠥᠪᠵᠢᠭᠦᠯᠦᠭᠰᠡᠨ᠎ᠠᠴᠠ ᠭᠠᠳᠠᠨ᠎ᠠ᠂ ᠡᠯ᠎ᠡ ᠱᠠᠲᠤᠨ᠎ᠤ ᠪᠡᠶᠡᠯᠡᠭᠦᠯᠬᠦ ᠴᠠᠭ᠎ᠤᠨ ᠬᠢᠵᠠᠭ᠋ᠠᠷ᠎ᠲᠤ ᠪᠣᠳᠠᠲᠠᠶ ᠲᠣᠭᠲᠠᠭ᠋ᠠᠯ ᠪᠠᠢ᠌ᠨ᠎ᠠ ᠤᠤ?
      ᠹᠸᠡᠭ ᠶᠧ᠄
      ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠢᠭᠡᠳᠦᠯᠲᠡᠶ ᠪᠠᠶ᠋ᠢᠷᠢᠯᠠᠭᠤᠯᠤᠯᠲᠠ ᠵᠢᠨ ᠶᠣᠰᠣᠭ᠋ᠠᠷ᠂ 2015 ᠣᠨ᠎ᠤ ᠡᠴᠦᠰ᠎ᠠᠴᠠ ᠡᠮᠦᠨ᠎ᠡ᠂ ᠥᠪᠡᠷᠲᠡᠭᠡᠨ ᠵᠠᠰᠠᠭ ᠣᠷᠣᠨ᠎ᠤ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠲᠣᠪᠴᠢᠶ᠎ᠠ᠎ᠨᠢ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠᠨ᠎ᠳᠤ ᠲᠣᠲᠣᠷᠬᠠᠢ᠌ᠯᠠᠭᠰᠠᠨ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ ᠵᠶ᠋ᠡᠷ ᠰᠠᠭᠤᠷᠢ ᠪᠣᠯᠭ᠋ᠠᠵᠤ᠂ ᠬᠠᠷᠢᠭᠤᠴᠠᠯᠭ᠎ᠠ ᠵᠢᠨ ᠨᠠᠷᠢᠨ ᠳᠠᠩᠰᠠ ᠵᠢ ᠪᠠᠶ᠋ᠢᠭᠤᠯᠵᠤ᠂ ᠬᠠᠷᠢᠭᠤᠴᠠᠯᠭ᠎ᠠ ᠵᠢᠨ ᠭᠣᠣᠯ ᠴᠣᠭᠴᠠ ᠵᠢ ᠲᠣᠲᠣᠷᠬᠠᠢ᠌ᠯᠠᠨ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠵᠢ ᠲᠡᠭᠦᠯᠳᠡᠷᠵᠢᠭᠦᠯᠵᠦ᠂ 《ᠬᠠᠤᠯᠢ᠎ᠪᠠᠷ ᠲᠣᠭᠲᠠᠭ᠋ᠠᠭᠰᠠᠨ ᠲᠤᠰᠢᠶᠠᠯ ᠬᠠᠷᠢᠭᠤᠴᠠᠯᠭ᠎ᠠ᠎ᠪᠠᠨ ᠡᠷᠬᠡᠪᠰᠢ ᠭᠦᠢ᠍ᠴᠡᠳᠬᠡᠨ᠎ᠡ》᠃ ᠡᠯ᠎ᠡ ᠠᠶ᠋ᠢᠮᠠᠭ ᠬᠣᠲᠠ ᠵᠢᠨ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠰᠠᠯᠠᠭ᠎ᠠ ᠮᠦᠴᠢᠷ᠎ᠤᠳ 2016 ᠣᠨ᠎ᠤ ᠳᠡᠭᠡᠳᠦ ᠬᠠᠭ᠋ᠠᠰ ᠵᠢᠯ᠎ᠳᠤ ᠲᠤᠰ ᠱᠠᠲᠤᠨ᠎ᠤ ᠬᠠᠷᠢᠭᠤᠴᠠᠯᠭ᠎ᠠ ᠵᠢᠨ ᠨᠠᠷᠢᠨ ᠳᠠᠨᠭ᠌ᠰᠠ ᠵᠢ   ᠪᠡᠶᠡᠯᠡᠭᠦᠯᠵᠦ᠂ ᠡᠯ᠎ᠡ ᠬᠣᠰᠢᠭᠤ ᠰᠢᠶᠠᠨ (ᠬᠤᠳᠠ᠂ ᠲᠣᠭᠣᠷᠢᠭ)᠎ᠤ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠰᠠᠯᠠᠭ᠎ᠠ ᠮᠦᠴᠢᠷ᠎ᠤᠳ 2016 ᠣᠨ᠎ᠤ ᠡᠴᠦᠰ᠎ᠠᠴᠠ ᠡᠮᠦᠨ᠎ᠡ ᠳᠤᠰ ᠱᠠᠲᠤᠨ᠎ᠤ ᠬᠠᠷᠢᠭᠤᠴᠠᠯᠭ᠎ᠠ ᠵᠢᠨ ᠨᠠᠷᠢᠨ ᠳᠠᠨᠭ᠌ᠰᠠ ᠵᠢ ᠪᠡᠶᠡᠯᠡᠭᠦᠯᠬᠦ ᠬᠡᠷᠡᠭᠲᠡᠢ᠃
      ᠬᠥᠲᠥᠯᠥᠭᠴᠢ᠄
      ᠹᠸᠡᠭ ᠳᠠᠷᠤᠭ᠎ᠠ᠂ ᠲᠠᠨ᠎ᠤ ᠰᠠᠶᠢ ᠵᠢᠨ ᠳᠤᠷᠠᠳᠤᠭᠰᠠᠨ᠂ 2015 ᠣᠨ᠎ᠳᠤ ᠮᠠᠨ᠎ᠤ ᠥᠪᠥᠷ ᠮᠣᠩᠭᠣᠯ᠎ᠤᠨ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠲᠣᠪᠴᠢᠶ᠎ᠠ᠎ᠠᠴᠠ ᠵᠠᠰᠠᠭ ᠵᠠᠬᠢᠷᠭ᠋ᠠᠨ᠎ᠤ ᠡᠷᠬᠡ ᠵᠢᠨ 78 ᠵᠦᠢ᠍ᠯ᠎ᠢ ᠳᠣᠷᠣᠭᠰᠢ ᠪᠠᠭᠤᠯᠭ᠋ᠠᠵᠤ᠂ 5 ᠵᠦᠢ᠍ᠯ᠎ᠢ ᠬᠦᠴᠦᠨ ᠦᠭᠡᠢ ᠪᠣᠯᠭ᠋ᠠᠵᠤ᠂  37   ᠵᠦᠢ᠍ᠯ᠎ᠢ ᠨᠡᠶ᠋ᠢᠯᠡᠭᠦᠯᠦᠨ 16 ᠵᠦᠢ᠍ᠯ ᠪᠣᠯᠭ᠋ᠠᠵᠤ᠂ ᠵᠠᠰᠠᠭ ᠵᠠᠬᠢᠷᠭ᠋ᠠᠨ᠎ᠤ ᠡᠷᠬᠡ ᠵᠢᠨ 103 ᠵᠦᠢ᠍ᠯ᠎ᠢ ᠴᠣᠮᠬᠠᠳᠬᠠᠵᠤ᠂ ᠦᠢ᠍ᠯᠡᠳᠪᠦᠷᠢᠯᠡᠯ᠎ᠤᠨ ᠵᠥᠪᠰᠢᠶᠡᠷᠡᠯ᠎ᠢ ᠴᠣᠮᠬᠠᠳᠬᠠᠨ᠂ ᠳᠣᠷᠣᠭᠰᠢ ᠪᠠᠭᠤᠯᠭ᠋ᠠᠬᠤ ᠪᠠ ᠰᠢᠯᠭ᠋ᠠᠨ ᠪᠠᠶ᠋ᠢᠴᠠᠭ᠋ᠠᠵᠤ ᠪᠠᠶ᠋ᠢᠴᠠᠭ᠋ᠠᠨ ᠬᠡᠮᠵᠢᠬᠦ ᠬᠢᠷᠢ ᠴᠢᠳᠠᠮᠵᠢ ᠵᠢᠨ ᠦᠨᠡᠮᠯᠡᠯ ᠎ᠤᠨ ᠬᠦᠴᠦᠨ᠎ᠲᠠᠢ ᠬᠤᠭᠤᠴᠠᠭ᠋ᠠᠨ᠎ᠳᠤ ᠬᠤᠪᠢᠷᠠᠭᠤᠯᠬᠤ ᠵᠦᠢ᠍ᠯᠡᠰ᠎ᠢ ᠬᠢᠨᠠᠨ ᠵᠥᠪᠰᠢᠶᠡᠷᠡᠵᠦ᠂ 2017 ᠣᠨ ᠪᠣᠯᠬᠤ᠎ᠳᠤ ᠵᠠᠰᠠᠭ ᠵᠠᠬᠢᠷᠭ᠋ᠠᠨ᠎ᠤ ᠡᠷᠬᠡ ᠵᠢᠨ 150᠎ᠠᠴᠠ ᠳᠡᠭᠡᠭᠰᠢ ᠵᠦᠢ᠍ᠯ᠎ᠢ ᠠᠯᠬᠤᠮ ᠠᠯᠬᠤᠮ ᠵᠶ᠋ᠠᠷ ᠳᠣᠭᠣᠭᠰᠢ ᠪᠠᠭᠤᠯᠭ᠋ᠠᠵᠤ᠂ ᠬᠦᠴᠦᠨ ᠦᠭᠡᠶ ᠪᠣᠯᠭ᠋ᠠᠨ᠎ᠠ᠃ ᠡᠶ᠋ᠢᠮᠦ ᠠᠷᠪᠢᠨ ᠵᠠᠰᠠᠭ ᠵᠠᠬᠢᠷᠭ᠋ᠠᠨ᠎ᠤ ᠡᠷᠬᠡ ᠵᠢ ᠳᠣᠷᠣᠭᠰᠢ   ᠪᠠᠭᠤᠯᠭ᠋ᠠᠪᠠᠯ᠂ ᠦᠨᠳᠦᠰᠦᠨ ᠱᠠᠲᠤ ᠲᠤᠰᠴᠤ ᠠᠪᠴᠤ ᠳᠡᠢ᠌ᠯᠦᠨ᠎ᠡ ᠤᠤ? ᠪᠢᠳᠡ᠎ᠳᠤ ᠡᠳᠡᠭᠡᠷ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠵᠦᠢ᠍ᠯ᠎ᠢ ᠵᠠᠶ ᠵᠠᠪᠰᠠᠷ ᠦᠭᠡᠢ ᠵᠤᠯᠭ᠋ᠠᠯᠳᠤᠭᠤᠯᠬᠤ ᠠᠷᠭ᠎ᠠ ᠬᠡᠮᠵᠢᠶ᠎ᠡ ᠪᠠᠢ᠌ᠨ᠎ᠠ ᠤᠤ ᠭᠡᠵᠦ ᠠᠰᠠᠭᠤᠮᠠᠷ ᠪᠠᠢ᠌ᠨ᠎ᠠ?
      ᠹᠸᠡᠭ ᠶᠧ᠄
      ᠡᠨᠡ ᠰᠠᠢ᠌ᠬᠠᠨ ᠠᠰᠠᠭᠤᠯ᠎ᠠ᠂ ᠬᠡᠯᠡᠯᠭᠡᠨ ᠦᠭᠡᠢ ᠡᠨᠡ᠎ᠨᠢ ᠪᠠᠰᠠ ᠴᠤ᠌ ᠮᠠᠨ᠎ᠤ ᠣᠳᠣᠬᠠᠨ᠎ᠤ ᠭᠣᠣᠯᠳᠠᠯᠭ᠎ᠠ᠎ᠲᠠᠢ ᠪᠣᠳᠣᠯᠬᠢᠯᠠᠵᠤ ᠪᠠᠢ᠌ᠭ᠎ᠠ ᠨᠢᠭᠡ ᠠᠰᠠᠭᠤᠳᠠᠯ ᠮᠥᠨ᠃   ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠡᠷᠬᠡ ᠵᠢ ᠳᠣᠷᠣᠭᠰᠢ ᠪᠠᠭᠤᠯᠭ᠋ᠠᠬᠤ ᠵᠢ ᠵᠤᠯᠭ᠋ᠠᠭᠤᠯᠬᠤ ᠠᠵᠢᠯ᠎ᠢ ᠰᠠᠶ᠋ᠢᠲᠤᠷ ᠬᠢᠬᠦ᠎ᠨᠢ᠂   ᠵᠠᠰᠠᠭ᠎ᠤᠨ ᠣᠷᠳᠣᠨ ᠬᠢᠭᠡᠳ ᠵᠠᠬ᠎ᠠ ᠳᠡᠯᠭᠡᠭᠦᠷ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠢᠭᠡᠳ ᠠᠵᠤ ᠠᠬᠤᠶ᠋ᠢᠯᠠᠯ᠎ᠤᠨ ᠬᠠᠷᠢᠴᠠᠭ᠎ᠠ ᠵᠢ ᠰᠢᠯᠤᠭᠤᠳᠬᠠᠵᠤ᠂ ᠬᠤᠮᠠᠬᠢ ᠬᠡᠷᠡᠭ ᠶᠠᠪᠤᠳᠠᠯ᠎ᠤᠨ ᠬᠠᠮᠢᠶᠠᠷᠤᠯᠲᠠ ᠵᠢ ᠪᠠᠭ᠋ᠠᠰᠬᠠᠬᠤ᠂ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ᠂ ᠴᠢᠯᠥᠭᠡᠲᠡᠶ ᠲᠠᠯᠪᠢᠬᠤ ᠪᠠ ᠬᠠᠮᠢᠶᠠᠷᠬᠤ ᠵᠢ ᠤᠶᠠᠯᠳᠤᠭᠤᠯᠬᠤ ᠵᠢ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠲᠤᠰ ᠪᠡᠶ᠎ᠡ ᠵᠢᠨ ᠥᠭᠡᠷᠡᠴᠢᠯᠡᠯᠲᠡ ᠵᠢᠨ ᠭᠣᠣᠯᠳᠠᠯᠭ᠎ᠠ ᠪᠣᠯᠭ᠋ᠠᠵᠤ᠂ ᠤᠯᠤᠰ᠎ᠤᠨ ᠦᠢ᠍ᠯᠡᠳᠬᠦᠨ᠎ᠤ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠶᠡᠷᠦᠩᠬᠡᠶ ᠲᠣᠪᠴᠢᠶ᠎ᠠ ᠵᠢᠨ ᠪᠠᠭᠤᠯᠭ᠋ᠠᠭᠰᠠᠨ 《ᠣᠨᠴᠠ ᠲᠦᠷᠦᠯ᠎ᠤᠨ ᠲᠤᠨᠤᠭ ᠲᠥᠬᠥᠭᠡᠷᠦᠮᠵᠢ ᠵᠢ ᠦᠢ᠍ᠯᠡᠳᠬᠦ ᠨᠢᠭᠡᠴᠡ ᠵᠢᠨ ᠵᠥᠪᠰᠢᠶᠡᠷᠡᠯ》 ᠵᠡᠷᠭᠡ ᠬᠢᠨᠠᠨ ᠵᠥᠪᠰᠢᠶᠡᠷᠡᠬᠦ ᠵᠦᠢ᠍ᠯᠡᠰ᠎ᠢ ᠬᠦᠯᠢᠶᠡᠨ ᠠᠪᠬᠤ ᠠᠵᠢᠯ᠎ᠢ ᠬᠢᠨᠠᠮᠠᠭ᠋ᠠᠢ ᠰᠠᠢ᠌ᠲᠤᠷ ᠬᠢᠵᠦ᠂ ᠲᠡᠷᠡ ᠶᠠᠩᠵᠤ᠎ᠪᠠᠷ᠎ᠨᠢ ᠵᠠᠯᠭ᠋ᠠᠵᠤ ᠠᠪᠬᠤ ᠵᠢ ᠪᠠᠲᠤᠯᠠᠬᠤ ᠬᠡᠷᠡᠭᠲᠡᠢ; ᠥᠪᠡᠷᠲᠡᠭᠡᠨ ᠵᠠᠰᠠᠭ ᠣᠷᠣᠨ᠎ᠤ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠲᠣᠪᠴᠢᠶ᠎ᠠ᠎ᠨᠢ   ᠵᠠᠰᠠᠭ ᠵᠠᠬᠢᠷᠭ᠋ᠠᠨ᠎ᠤ ᠡᠷᠬᠡ ᠵᠢ ᠳᠣᠷᠣᠭᠰᠢ ᠪᠠᠭᠤᠯᠭ᠋ᠠᠬᠤ ᠵᠢᠨ ᠬᠠᠮᠲᠤ ᠪᠠᠰᠠ ᠲᠥᠷᠥᠯ ᠵᠦᠢ᠍ᠯ ᠬᠤᠪᠢᠶᠠᠨ ᠵᠤᠯᠭ᠋ᠠᠯᠳᠤᠬᠤ ᠲᠥᠰᠦᠯ ᠲᠣᠭᠲᠠᠭ᠋ᠠᠵᠤ᠂ ᠪᠡᠶᠡᠯᠡᠭᠦᠯᠬᠦ ᠬᠤᠭᠤᠴᠠᠭ᠎ᠠ᠂ ᠠᠵᠢᠯ᠎ᠤᠨ ᠱᠠᠭ᠋ᠠᠷᠳᠠᠯᠭ᠎ᠠ ᠪᠣᠯᠣᠨ ᠡᠷᠬᠡ ᠮᠡᠳᠡᠯ ᠬᠠᠷᠢᠭᠤᠴᠠᠯᠭ᠎ᠠ ᠵᠢ ᠲᠣᠲᠣᠷᠬᠠᠢ᠌ᠯᠠᠵᠤ᠂ ᠳᠣᠷᠣᠭᠰᠢ ᠪᠠᠭᠤᠯᠭ᠋ᠠᠭᠰᠠᠨ᠎ᠤ ᠬᠤᠢ᠌ᠨ᠎ᠠ   ᠳᠠᠭ᠋ᠠᠯᠳᠤᠭᠤᠯᠤᠯ ᠲᠥᠷᠥᠯ ᠵᠦᠢ᠍ᠯ ᠵᠡᠷᠭᠡ ᠬᠡᠯᠪᠡᠷᠢ ᠵᠢ᠎ᠨᠢ ᠥᠭᠡᠷᠡᠲᠡᠭᠦᠯᠦᠨ ᠠᠵᠤ ᠠᠬᠤᠢ᠍ᠯᠠᠯ᠎ᠤᠨ ᠳᠠᠷᠤᠭ᠋ᠠᠰᠤ ᠵᠢ ᠨᠡᠮᠡᠭᠳᠡᠭᠦᠯᠬᠦ ᠪᠠᠶ᠋ᠢᠳᠠᠯ ᠭᠠᠷᠬᠤ ᠦᠭᠡᠢ ᠪᠠᠢ᠌ᠬᠤ ᠵᠢ ᠪᠠᠲᠤᠯᠠᠵᠤ᠂ ᠦᠨᠡᠨ ᠬᠦ᠌ ᠬᠦᠯᠢᠶᠡᠨ ᠠᠪᠴᠤ ᠰᠠᠶ᠋ᠢᠲᠤᠷ ᠨᠠᠶ᠋ᠢᠳᠠᠪᠤᠷᠢᠵᠢᠭᠤᠯᠬᠤ   ᠬᠡᠷᠡᠭᠲᠡᠶ᠃
      ᠬᠥᠲᠥᠯᠥᠭᠴᠢ᠄
      ᠡᠨᠡ ᠤᠳᠠᠭ᠎ᠠ ᠵᠠᠰᠠᠭ ᠵᠠᠬᠢᠷᠭ᠋ᠠᠨ᠎ᠤ ᠡᠷᠬᠡ ᠵᠢ ᠴᠤᠮᠬᠠᠳᠬᠠᠭᠰᠠᠨ᠎ᠤ ᠳᠠᠷᠠᠭ᠎ᠠ᠂ ᠠᠷᠠᠳ ᠢᠷᠭᠡᠳ ᠤᠴᠢᠷ   ᠶᠠᠪᠤᠳᠠᠯ ᠰᠢᠢ᠍ᠳᠪᠦᠷᠢᠯᠡᠬᠦ᠎ᠳᠤ ᠨᠡᠩ ᠳᠥᠭᠥᠮ ᠪᠣᠯᠣᠭᠰᠠᠨ ᠤᠤ?
      ᠹᠸᠡᠭ ᠶᠧ᠄
      ᠨᠡᠩ ᠳᠥᠭᠥᠮ ᠪᠣᠯᠣᠭᠰᠠᠨ ᠵᠶ᠋ᠠᠷ ᠪᠠᠷᠠᠬᠤ ᠦᠭᠡᠢ᠂ ᠤᠴᠢᠷ ᠶᠠᠪᠤᠳᠠᠯ᠎ᠢ ᠰᠢᠢ᠍ᠳᠪᠦᠷᠢᠯᠡᠬᠦ᠎ᠳᠤ ᠨᠡᠩ   ᠠᠶ᠎ᠠ ᠲᠠᠭ᠋ᠠᠲᠠᠶ ᠪᠣᠯᠪᠠ᠃ ᠵᠠᠰᠠᠭ ᠵᠠᠬᠢᠷᠭ᠋ᠠᠨ᠎ᠤ ᠡᠷᠬᠡ ᠵᠢ ᠴᠤᠮᠬᠠᠳᠬᠠᠭᠰᠠᠨ ᠰᠠᠭᠤᠷᠢᠨ ᠳᠡᠭᠡᠷ᠎ᠡ᠂ ᠪᠢᠳᠠ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠡᠰ ᠳᠠᠷᠠᠭ᠋ᠠᠯᠠᠯ ᠎ᠢ ᠪᠦᠬᠦ ᠲᠠᠯ᠎ᠠ᠎ᠪᠠᠷ ᠰᠢᠯᠢᠳᠡᠭᠵᠢᠭᠦᠯᠪᠡ᠃ 《ᠬᠦᠯᠢᠶᠡᠨ ᠠᠪᠴᠤ ᠰᠢᠢ᠍ᠳᠪᠦᠷᠢᠯᠡᠬᠦ᠂ ᠬᠢᠨᠠᠨ ᠬᠠᠷᠭᠤᠭᠤᠯᠬᠤ᠂ ᠵᠥᠪᠰᠢᠶᠡᠷᠡᠬᠦ》 ᠭᠤᠷᠪᠠ ᠵᠢ ᠰᠠᠯᠭ᠋ᠠᠬᠤ ᠳᠦᠷᠢᠮ᠎ᠢ ᠲᠡᠭᠦᠯᠳᠡᠷᠵᠢᠭᠦᠯᠵᠦ᠂ ᠨᠢᠭᠡ 《ᠴᠣᠩᠬᠤᠪᠴᠢ》 ᠬᠦᠯᠢᠶᠡᠨ ᠠᠪᠴᠤ ᠰᠢᠢ᠍ᠳᠪᠦᠷᠢᠯᠡᠬᠦ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠪᠠ; ᠬᠢᠨᠠᠨ ᠪᠠᠶ᠋ᠢᠴᠠᠭ᠋ᠠᠬᠤ ᠠᠵᠢᠯ᠎ᠤᠨ ᠨᠠᠷᠢᠨ ᠳᠦᠷᠢᠮ᠎ᠢ ᠲᠣᠭᠲᠠᠭ᠋ᠠᠵᠤ᠂ ᠬᠢᠨᠠᠨ ᠵᠥᠪᠰᠢᠶᠡᠷᠡᠬᠦ ᠴᠤᠪᠤᠷᠠᠯ᠎ᠢ ᠳᠥᠭᠥᠮᠴᠢᠯᠡᠨ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠬᠦᠯᠢᠶᠡᠨ ᠠᠪᠴᠤ ᠰᠢᠢ᠍ᠳᠪᠦᠷᠢᠯᠡᠬᠦ᠂ ᠬᠢᠨᠠᠨ ᠪᠠᠶ᠋ᠢᠴᠠᠭ᠋ᠠᠬᠤ᠂ ᠲᠣᠭᠲᠠᠭ᠋ᠠᠬᠤ᠂ ᠬᠦᠷᠭᠡᠬᠦ ᠵᠡᠷᠭᠡ ᠵᠠᠩᠭᠢᠯᠠᠭ᠎ᠠ ᠵᠢ ᠬᠠᠯᠠᠨ ᠰᠠᠶ᠋ᠢᠵᠢᠷᠠᠭᠤᠯᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠪᠡ; ᠭᠦᠢ᠍ᠴᠡᠳᠬᠡᠬᠦ ᠴᠠᠭ ᠎ᠤᠨ ᠬᠢᠵᠠᠭ᠋ᠠᠷ᠎ᠢ ᠠᠮᠠᠯᠠᠬᠤ ᠲᠤᠢ᠍ᠷᠢᠮ᠎ᠢ ᠨᠠᠶ᠋ᠢᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠴᠠᠭ᠎ᠢ ᠪᠣᠭᠣᠨᠢᠰᠬᠠᠵᠤ᠂ ᠤᠳᠤ ᠪᠠᠶ᠋ᠢᠭ᠎ᠠ ᠬᠢᠨᠠᠨ ᠵᠥᠪᠰᠢᠶᠡᠷᠡᠬᠦ ᠵᠦᠢ᠍ᠯᠡᠰ᠎ᠤᠨ ᠡᠮᠦᠨᠡᠬᠢ ᠵᠠᠩᠭᠢᠯᠠᠭ᠎ᠠ ᠵᠢ ᠢᠯᠭ᠋ᠠᠷᠠᠭᠤᠯᠤᠨ ᠳᠦᠭᠦᠮᠴᠢᠯᠡᠵᠦ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠭᠦᠢ᠍ᠴᠡᠳᠬᠡᠵᠦ ᠳᠠᠭᠤᠰᠬᠠᠬᠤ ᠬᠤᠭᠤᠴᠠᠭ᠎ᠠ ᠵᠢ ᠤᠯᠠᠮ ᠨᠢᠭᠡ ᠠᠯᠬᠤᠮ ᠪᠣᠭᠤᠨᠢᠰᠬᠠᠵᠤ᠂ ᠨᠡᠶ᠋ᠢᠭᠡᠮ ᠪᠠ ᠠᠵᠤ ᠠᠬᠤᠶ᠋ᠢᠯᠠᠯ ᠎ᠳᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠭᠦᠢ᠍ᠴᠡᠳᠬᠡᠬᠦ ᠴᠠᠭ᠎ᠤᠨ ᠬᠢᠵᠠᠭ᠋ᠠᠷ᠎ᠢ 15 ᠠᠵᠢᠯᠯᠠᠬᠤ ᠡᠳᠦᠷ ᠪᠣᠯᠭ᠋ᠠᠵᠤ᠂ ᠬᠠᠤᠯᠢ ᠶᠣᠰᠣᠭ᠋ᠠᠷ ᠰᠢᠯᠭ᠋ᠠᠨ ᠪᠠᠶ᠋ᠢᠴᠠᠭ᠋ᠠᠵᠤ ᠪᠠᠶ᠋ᠢᠴᠠᠭ᠋ᠠᠨ ᠬᠡᠮᠵᠢᠬᠦ᠂ ᠲᠤᠰᠬᠠᠶ ᠮᠡᠷᠭᠡᠵᠢᠯᠲᠡᠨ ᠵᠶ᠋ᠠᠷ ᠬᠢᠨᠠᠨ ᠲᠣᠭᠲᠠᠭ᠋ᠠᠯᠭ᠋ᠠᠬᠤ ᠴᠢᠬᠤᠯᠠᠲᠠᠢ ᠵᠢ᠎ᠨᠢ 30 ᠠᠵᠢᠯᠯᠠᠬᠤ ᠡᠳᠦᠷ᠎ᠤᠨ ᠳᠣᠲᠣᠷ᠎ᠠ ᠪᠡᠶᠡᠯᠡᠭᠦᠯᠦᠨ᠎ᠡ ᠭᠡᠵᠦ ᠢᠯᠡ᠎ᠪᠠᠷ ᠠᠮᠠᠯᠳᠠᠪᠠ᠃ ᠡᠭᠦᠨ᠎ᠤ ᠬᠠᠮᠲᠤ᠂ ᠪᠢᠳᠡ ᠪᠠᠰᠠ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠠᠬᠢᠴᠠ ᠵᠢ ᠲᠦᠷᠭᠡᠨ ᠠᠬᠢᠭᠤᠯᠵᠤ᠂ 2015 ᠣᠨ᠎ᠳᠤ ᠰᠦᠯᠵᠢᠶᠡᠨ ᠳᠡᠭᠡᠷ᠎ᠡ ᠰᠢᠢ᠍ᠳᠪᠦᠷᠢᠯᠡᠬᠦ ᠮᠡᠳᠡᠭᠡ ᠵᠠᠩᠭᠢ ᠵᠢᠨ ᠰᠢᠰᠲ᠋ᠧᠮ᠎ᠢ ᠨᠡᠭᠡᠭᠡᠯᠲᠡ ᠬᠢᠵᠦ ᠪᠦᠲᠦᠭᠡᠨ ᠪᠠᠶ᠋ᠢᠭᠤᠯᠬᠤ ᠵᠢ ᠦᠨᠳᠦᠰᠦᠨ᠎ᠳᠡᠭᠡᠨ ᠪᠡᠶᠡᠯᠡᠭᠦᠯᠵᠦ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ ᠤᠷᠢᠳᠴᠢᠯᠠᠨ ᠬᠦᠯᠢᠶᠡᠨ ᠠᠪᠴᠤ ᠰᠢᠢ᠍ᠳᠪᠦᠷᠢᠯᠡᠬᠦ ᠪᠠ ᠤᠷᠢᠳᠴᠢᠯᠠᠨ ᠬᠢᠨᠠᠨ ᠪᠠᠢ᠌ᠴᠠᠭ᠋ᠠᠬᠤ ᠵᠢ ᠪᠡᠶᠡᠯᠡᠭᠦᠯᠵᠦ᠂ 2016 ᠣᠨ ᠪᠣᠯᠬᠤ᠎ᠳᠤ ᠪᠤᠢ ᠪᠦᠬᠦᠢ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠥᠷᠥᠯ ᠵᠦᠢ᠍ᠯ᠎ᠤᠨ ᠪᠦᠬᠦ ᠴᠤᠪᠤᠷᠠᠯ᠎ᠢ ᠰᠦᠯᠵᠢᠶᠡᠨ ᠳᠡᠭᠡᠷ᠎ᠡ ᠰᠢᠢ᠍ᠳᠪᠦᠷᠢᠯᠡᠬᠦ ᠪᠠ ᠪᠠᠶ᠋ᠢᠴᠠᠭ᠋ᠠᠨ ᠯᠠᠪᠯᠠᠵᠤ ᠮᠡᠳᠡᠭᠳᠡᠬᠦ ᠵᠢ ᠪᠡᠶᠡᠯᠡᠭᠦᠯᠦᠨ᠎ᠡ᠃

      ᠬᠥᠲᠥᠯᠥᠭᠴᠢ᠄
      ᠪᠢ 《ᠰᠠᠨᠠᠯ》᠎ᠳᠤ ᠮᠠᠨ᠎ᠤ ᠥᠪᠡᠷᠲᠡᠭᠡᠨ ᠵᠠᠰᠠᠭ ᠣᠷᠣᠨ᠎ᠤ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠲᠣᠪᠴᠢᠶ᠎ᠠ ᠬᠢᠨᠠᠨ ᠬᠠᠷᠭᠤᠭᠤᠯᠬᠤ ᠲᠥᠪ ᠪᠠᠢ᠌ᠭᠤᠯᠤᠨ᠎ᠠ ᠭᠡᠰᠡᠨ᠎ᠢ ᠤᠯᠵᠤ ᠬᠠᠷᠠᠪᠠ᠂ ᠬᠣᠯᠪᠣᠭᠳᠠᠯ ᠪᠦᠬᠦᠢ ᠪᠠᠶ᠋ᠢᠳᠠᠯ᠎ᠢ ᠰᠦᠯᠵᠢᠶᠡᠨ ᠠᠨᠳᠠ ᠨᠠᠷ᠎ᠲᠤ ᠲᠠᠨᠢᠯᠴᠠᠭᠤᠯᠤᠭ᠋ᠠᠳ ᠦᠭᠭᠦᠨ᠎ᠡ ᠤᠤ?
      ᠹᠸᠩ ᠶᠸ᠄
      ᠪᠤᠯᠤᠨ᠎ᠠ᠂ 《ᠬᠦᠯᠢᠶᠡᠨ ᠰᠢᠢ᠍ᠳᠪᠦᠷᠢᠯᠡᠬᠦ᠂ ᠬᠢᠨᠠᠨ ᠬᠠᠷᠭᠤᠭᠤᠯᠬᠤ᠂ ᠵᠦᠪᠰᠢᠶᠡᠷᠡᠬᠦ》 ᠭᠤᠷᠪᠠ ᠵᠢ ᠰᠠᠯᠭ᠋ᠠᠬᠤ ᠳᠦᠷᠢᠮ᠎ᠢ ᠲᠡᠭᠦᠯᠳᠡᠷᠵᠢᠭᠦᠯᠵᠦ᠂ 《ᠬᠢᠨᠠᠨ ᠬᠠᠷᠭᠤᠭᠤᠯᠠᠬᠤ》 ᠡᠨᠡ ᠬᠦ᠌ ᠪᠣᠭᠣᠮᠲᠠ ᠵᠢ ᠰᠠᠢ᠌ᠲᠤᠷ ᠠᠳᠬᠤᠬᠤ ᠵᠢᠨ ᠲᠦᠯᠦᠭᠡ᠂ ᠮᠠᠨ᠎ᠤ ᠲᠣᠪᠴᠢᠶ᠎ᠠ ᠲᠤᠰᠬᠠᠶ ᠬᠢᠨᠠᠨ ᠬᠠᠷᠭᠤᠭᠤᠯᠬᠤ ᠲᠥᠪ ᠪᠠᠶ᠋ᠢᠭᠤᠯᠵᠤ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠡᠷᠬᠢᠯᠡᠨ ᠰᠢᠢ᠍ᠳᠪᠦᠷᠢᠯᠡᠬᠦ᠎ᠳᠤ ᠬᠡᠷᠡᠭᠰᠡᠬᠦ ᠲᠤᠬᠠᠶ ᠵᠢᠨ ᠭᠠᠵᠠᠷ᠎ᠲᠤᠨᠢ ᠬᠢᠨᠠᠨ ᠬᠠᠷᠭᠤᠭᠤᠯᠬᠤ ᠵᠣᠬᠢᠶᠠᠨ ᠪᠠᠶ᠋ᠢᠭᠤᠯᠤᠯᠲᠠ ᠪᠠ ᠮᠥᠨ ᠴᠢᠨᠠᠷ᠎ᠤᠨ ᠴᠢᠨᠠᠷᠲᠠᠶ ᠮᠡᠷᠭᠡᠵᠢᠯ᠎ᠤᠨ ᠬᠢᠨᠠᠨ ᠪᠠᠶ᠋ᠢᠴᠠᠭ᠋ᠠᠬᠤ ᠠᠵᠢᠯ᠎ᠢ ᠬᠠᠷᠢᠭᠤᠴᠠᠨ᠎ᠠ᠃ ᠬᠢᠨᠠᠨ ᠲᠣᠭᠲᠠᠭ᠋ᠠᠬᠤ ᠶᠠᠪᠤᠴᠠ᠎ᠳᠤ ᠬᠢᠨᠠᠯᠲᠠ ᠲᠠᠯᠪᠢᠵᠤ᠂ ᠬᠢᠨᠠᠨ ᠲᠣᠭᠲᠠᠭ᠋ᠠᠬᠤ ᠬᠥᠮᠦᠰ᠎ᠢ ᠬᠠᠮᠢᠶᠠᠷᠬᠤ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠪᠢᠴᠢᠭ ᠵᠣᠬᠢᠶᠠᠵᠤ᠂ ᠬᠠᠮᠢᠶᠠᠷᠤᠯᠲᠠ᠂ ᠬᠢᠨᠠᠨ ᠬᠠᠷᠭᠤᠭᠤᠯᠬᠤ ᠮᠠᠲ᠋ᠧᠷᠢᠶᠠᠯ᠎ᠢ ᠬᠠᠳᠠᠭ᠋ᠠᠯᠠᠨ᠎ᠠ᠃ ᠬᠢᠨᠠᠨ ᠬᠠᠷᠭᠤᠭᠤᠯᠬᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠭᠠᠷ ᠦᠨᠡᠮᠯᠡᠯ ᠬᠢᠬᠦ᠂ ᠬᠢᠨᠠᠨ ᠬᠠᠷᠭᠤᠭᠤᠯᠬᠤ ᠮᠠᠲᠸᠷᠢᠶᠠᠯ᠎ᠳᠤ ᠬᠠᠮᠢᠶᠠᠷᠤᠯᠲᠠ᠂ ᠬᠠᠳᠠᠭ᠋ᠠᠯᠠᠯᠲᠠ ᠬᠢᠨ᠎ᠡ᠃ ᠬᠢᠨᠠᠨ ᠬᠠᠷᠭᠤᠭᠤᠯᠬᠤ ᠲᠦᠪ ᠰᠢᠢ᠍ᠳᠪᠦᠷᠢᠯᠡᠭᠰᠡᠨ ᠵᠠᠰᠠᠭ ᠵᠠᠬᠢᠷᠭ᠋ᠠᠨ᠎ᠤ ᠵᠥᠪᠰᠢᠶᠡᠷᠡᠯ ᠪᠦᠷᠢ᠎ᠳᠤ᠎ᠪᠠᠨ ᠬᠡᠷᠡᠭ᠎ᠤᠨ ᠡᠪᠬᠡᠮᠡᠯ ᠪᠠᠶ᠋ᠢᠭᠤᠯᠵᠤ᠂ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠲᠣᠭᠲᠠᠭ᠋ᠠᠯ ᠶᠣᠰᠣᠭ᠋ᠠᠷ ᠨᠢᠭᠡᠳᠦᠯᠲᠡᠶ ᠳᠠᠩᠰᠠᠯᠠᠵᠤ ᠬᠠᠳᠠᠭ᠋ᠠᠯᠠᠨ᠎ᠠ᠃
      ᠬᠥᠲᠥᠯᠥᠭᠴᠢ᠄
     2014 ᠣᠨ᠎ᠤ 7 ᠳ᠋ᠤᠭ᠋ᠠᠷ ᠰᠠᠷ᠎ᠠ᠎ᠳᠤ ᠨᠡᠶ᠋ᠢᠲᠡᠯᠡᠨ ᠬᠡᠷᠡᠭᠵᠢᠭᠦᠯᠦᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶᠠᠵᠢᠯᠠᠯᠳᠡ ᠵᠢᠨ ᠠᠵᠢᠯ᠎ᠢ ᠲᠦᠯᠬᠢᠨ ᠠᠬᠢᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ》 ᠵᠢ   ᠬᠡᠷᠡᠭᠵᠢᠭᠦᠯᠦᠭᠡᠳ ᠨᠢᠭᠡᠨᠲᠡ ᠨᠢᠭᠡ ᠵᠢᠯ ᠭᠠᠷᠤᠶ ᠪᠣᠯᠵᠠᠶ᠂ ᠲᠡᠭᠡᠭᠡᠪᠡᠯ ᠪᠠᠷᠢᠮᠵᠢᠶᠠᠯᠠᠯᠲᠠ ᠵᠢᠨ ᠠᠵᠢᠯ᠎ᠤᠨ ᠲᠠᠯ᠎ᠠ᠎ᠪᠠᠷ ᠪᠢᠳᠠ ᠪᠠᠰᠠ ᠶᠠᠮᠠᠷ ᠲᠥᠯᠥᠪᠯᠡᠭᠡ ᠲᠤᠭᠲᠠᠭ᠋ᠠᠬᠤ ᠭᠡᠵᠦ ᠪᠠᠢ᠌ᠭ᠎ᠠ ᠪᠤᠢ?
      ᠹᠸᠩ ᠶᠸ᠄
      ᠪᠢᠳᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶᠠᠵᠢᠯᠠᠯᠳᠡ ᠵᠢᠨ ᠠᠵᠢᠯ᠎ᠢ ᠲᠦᠯᠬᠢᠨ ᠠᠬᠢᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ》 ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠰᠠᠭᠤᠷᠢᠨ ᠳᠡᠭᠡᠷ᠎ᠡ᠂ ᠳᠠᠷᠠᠭ᠋ᠠᠴᠢ ᠵᠢᠨ ᠠᠯᠬᠤᠮ᠎ᠳᠤ ᠠᠵᠤ ᠠᠬᠤᠶ᠋ᠢᠯᠠᠯ᠎ᠤᠨ ᠪᠠᠷᠢᠮᠵᠢᠶᠠᠲᠤ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠭᠣᠣᠯᠳᠠᠯᠭ᠎ᠠ᠎ᠲᠠᠢ᠎ᠪᠠᠷ ᠲᠦᠯᠬᠢᠨ ᠠᠬᠢᠭᠤᠯᠤᠨ᠎ᠠ᠃ 《ᠠᠵᠤ ᠠᠬᠤᠶ᠋ᠢᠯᠠᠯ᠎ᠤᠨ ᠪᠠᠷᠢᠮᠵᠢᠶ᠎ᠠ ᠵᠢ ᠳᠠᠩᠰᠠᠯᠠᠬᠤ ᠳᠦᠷᠢᠮ》᠎ᠢ ᠰᠢᠯᠢᠳᠡᠭᠵᠢᠭᠦᠯᠬᠦ᠂ ᠳᠦᠬᠦᠮᠴᠢᠯᠡᠬᠦ ᠰᠠᠭᠤᠷᠢᠨ ᠳᠡᠭᠡᠷ᠎ᠡ᠂ ᠠᠵᠤ ᠠᠬᠤᠶ᠋ᠢᠯᠠᠯ᠎ᠤᠨ ᠦᠢ᠍ᠯᠡᠳᠬᠦᠨ ᠪᠠ ᠦᠢ᠍ᠯᠡᠴᠢᠯᠡᠭᠡᠨ᠎ᠤ ᠪᠠᠷᠢᠮᠵᠢᠶ᠎ᠠ᠎ᠪᠠᠨ ᠥᠪᠡᠷ ᠵᠶ᠋ᠡᠨ ᠢᠯᠡᠷᠬᠡᠢ᠌ᠯᠡᠬᠦ ᠵᠢ ᠢᠯᠡ ᠪᠣᠯᠭ᠋ᠠᠬᠤ ᠪᠠ ᠬᠢᠨᠠᠯᠲᠠ ᠲᠠᠯᠪᠢᠬᠤ ᠲᠦᠷᠢᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠵᠠᠰᠠᠭ᠎ᠤᠨ ᠣᠷᠳᠣᠨ᠎ᠠᠴᠠ ᠠᠵᠤ ᠠᠬᠤᠶ᠋ᠢᠯᠠᠯ᠎ᠤᠨ ᠦᠢ᠍ᠯᠡᠳᠬᠦᠨ᠎ᠤ ᠪᠠᠷᠢᠮᠵᠢᠶ᠎ᠠ ᠵᠢᠨ ᠳᠠᠩᠰᠠᠯᠠᠨ ᠬᠠᠮᠢᠶᠠᠷᠤᠯᠲᠠ ᠵᠢ ᠠᠯᠬᠤᠮ ᠠᠯᠬᠤᠮ ᠵᠶ᠋ᠠᠷ ᠬᠦᠴᠦᠨ ᠦᠭᠡᠢ ᠪᠣᠯᠭ᠋ᠠᠨ᠎ᠠ; ᠠᠵᠤ ᠠᠬᠤᠶ᠋ᠢᠯᠠᠯ᠎ᠤᠨ ᠦᠢ᠍ᠯᠡᠳᠬᠦᠨ ᠪᠠ ᠦᠢ᠍ᠯᠡᠴᠢᠯᠡᠭᠡᠨ᠎ᠤ ᠪᠠᠷᠢᠮᠵᠢᠶ᠎ᠠ᠎ᠪᠠᠨ ᠥᠪᠡᠷ ᠵᠶ᠋ᠡᠨ ᠢᠯᠡᠷᠬᠡᠶ᠋ᠢᠯᠡᠬᠦ ᠵᠢ ᠢᠯᠡ ᠪᠤᠯᠭ᠋ᠠᠬᠤ ᠵᠢ ᠦᠷᠨᠢᠭᠦᠯᠵᠦ᠂ ᠦᠢ᠍ᠯᠡᠳᠬᠦᠨ ᠪᠠ ᠦᠢ᠍ᠯᠡᠴᠢᠯᠡᠭᠡᠨ᠎ᠤ ᠴᠢᠳᠠᠮᠵᠢ ᠵᠢ ᠱᠠᠭ᠋ᠠᠷᠳᠠᠯᠭ᠎ᠠ ᠪᠠ ᠮᠡᠷᠭᠡᠵᠢᠯ᠎ᠤᠨ ᠭᠦᠢ᠍ᠴᠡᠳᠬᠡᠬᠦ ᠲᠣᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠤᠯᠭ᠋ᠠᠬᠤ ᠵᠢᠨ ᠬᠠᠮᠲᠤ ᠴᠢᠩᠭ᠎ᠠ ᠵᠢᠷᠤᠮᠯᠠᠬᠤ ᠪᠦᠭᠡᠳ ᠬᠠᠷᠢᠭᠤᠴᠠᠵᠤ᠂ ᠨᠡᠶ᠋ᠢᠭᠡᠮ ᠪᠣᠯᠤᠨ ᠠᠵᠤ ᠠᠬᠤᠶ᠋ᠢᠯᠠᠯ ᠵᠢᠨ ᠬᠢᠨᠠᠯᠲᠠ ᠵᠢ ᠬᠦᠢ᠍ᠯᠢᠶᠡᠬᠦ᠎ᠪᠠᠨ ᠢᠯᠡ᠎ᠪᠠᠷ ᠠᠮᠠᠯᠠᠭᠳᠠᠵᠠᠢ᠂ 2016 ᠣᠨ᠎ᠳᠤ ᠡᠬᠢᠯᠡᠨ ᠡᠩ ᠲᠡᠷᠢᠭᠦᠨ᠎ᠳᠤ ᠬᠥᠬᠡᠬᠣᠲᠠ᠂ ᠲᠦᠩᠯᠢᠶᠣᠤ ᠬᠣᠲᠠ ᠥᠪᠡᠷ᠎ᠤᠨ ᠢᠯᠡᠷᠬᠡᠶ᠋ᠢᠯᠡᠯᠲᠡ᠎ᠪᠠᠨ ᠢᠯᠡ ᠪᠣᠯᠭ᠋ᠠᠬᠤ ᠳᠦᠷᠢᠮ᠎ᠢ ᠬᠡᠷᠡᠭᠵᠢᠭᠦᠯᠵᠦ᠂ ᠲᠤᠷᠰᠢᠯᠭ᠎ᠠ᠎ᠪᠠᠨ ᠳ᠋ᠦᠩᠨᠡᠭᠰᠡᠨ ᠰᠠᠭᠤᠷᠢᠨ ᠳᠡᠭᠡᠷ᠎ᠡ ᠠᠯᠬᠤᠮ ᠠᠯᠬᠤᠮ ᠵᠶ᠋ᠠᠷ ᠪᠦᠬᠦ ᠤᠷᠤᠨ᠎ᠳᠤ ᠳᠡᠯᠭᠡᠷᠡᠭᠦᠯᠦᠨ᠎ᠡ᠃
      ᠬᠥᠲᠥᠯᠥᠭᠴᠢ᠄
      ᠤᠳᠤ ᠡᠯ᠎ᠡ ᠭᠠᠵᠠᠷ᠎ᠤᠨ ᠵᠠᠰᠠᠭ᠎ᠤᠨ ᠣᠷᠳᠣᠨ 《ᠨᠢᠭᠡ ᠦᠨᠡᠮᠯᠡᠯ᠎ᠳᠤ ᠨᠢᠭᠡ ᠲᠦᠯᠦᠭᠡᠨ᠎ᠤ ᠨᠤᠮᠸᠷ》᠎ᠤᠨ ᠳᠦᠷᠢᠮ᠎ᠢ ᠨᠡᠶ᠋ᠢᠳᠡᠮ ᠬᠡᠷᠡᠭᠵᠢᠭᠦᠯᠵᠡᠢ᠂ ᠶᠠᠰᠤ ᠴᠢᠨᠠᠷ᠎ᠲᠤ ᠬᠢᠨᠠᠯᠲᠠ ᠲᠠᠯᠪᠢᠬᠤ ᠲᠣᠪᠴᠢᠶ᠎ᠠ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢᠨ ᠲᠦᠯᠦᠭᠡᠨ᠎ᠤ ᠨᠣᠮᠧᠷ᠎ᠤᠨ ᠬᠢᠨᠠᠨ ᠬᠠᠮᠢᠶᠠᠷᠬᠤ ᠨᠢᠭᠡᠴᠡ ᠪᠣᠯᠤᠭᠰᠠᠨ᠎ᠤ ᠬᠤᠪᠢ᠎ᠳᠤ ᠶᠠᠮᠠᠷ ᠬᠥᠳᠡᠯᠦᠯ᠎ᠲᠠᠢ ᠪᠠᠢ᠌ᠬᠤ ᠪᠤᠢ?
      ᠹᠸᠩ ᠶᠸ᠄
      ᠪᠢᠳᠡ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢᠨ ᠲᠦᠯᠦᠭᠡᠨ᠎ᠤ ᠨᠣᠮᠧᠷ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠦᠨ᠎ᠡ᠃ ᠲᠦᠷᠦ ᠵᠢᠨ ᠶᠠᠪᠤᠳᠠᠯ᠎ᠤᠨ ᠬᠣᠷᠢᠶᠠᠨ᠎ᠤ 《ᠨᠢᠭᠡ ᠦᠨᠡᠮᠯᠡᠯ᠎ᠳᠤ ᠨᠢᠭᠡ ᠲᠦᠯᠦᠭᠡᠨ᠎ᠤ ᠨᠤᠮᠸᠷ》᠎ᠲᠠᠢ ᠪᠠᠢ᠌ᠬᠤ ᠮᠡᠳᠡᠭᠳᠡᠯ᠎ᠤᠨ ᠱᠠᠭ᠋ᠠᠷᠳᠠᠯᠭ᠎ᠠ ᠶᠤᠰᠤᠭ᠋ᠠᠷ᠂ ᠨᠢᠭᠡᠳᠦᠯᠲᠡᠢ ᠲᠦᠯᠦᠭᠡᠨ᠎ᠤ ᠨᠤᠮᠸᠷ᠎ᠤᠨ ᠡᠬᠢ ᠪᠠᠶᠠᠯᠢᠭ᠎ᠤᠨ ᠬᠠᠮᠢᠶᠠᠷᠤᠯᠲᠠ ᠵᠢ ᠰᠠᠶ᠋ᠢᠲᠤᠷ ᠬᠢᠵᠦ᠂ 2017 ᠣᠨ᠎ᠤ ᠡᠴᠦᠰ᠎ᠠᠴᠠ ᠡᠮᠦᠨ᠎ᠡ ᠨᠢᠭᠡᠳᠦᠯᠳᠡᠢ ᠲᠦᠯᠦᠭᠡᠨ᠎ᠤ ᠨᠤᠮᠸᠷ᠎ᠤᠨ ᠳ᠋ᠠᠢ᠌ᠲ᠋ᠠ ᠵᠢᠨ ᠬᠦᠮᠦᠷᠭᠡ ᠪᠠᠢ᠌ᠭᠤᠯᠵᠤ᠂ ᠡᠯ᠎ᠡ ᠰᠠᠯᠠᠭ᠎ᠠ ᠮᠥᠴᠢᠷ᠎ᠲᠤ ᠮᠡᠳᠡᠭᠡ ᠵᠠᠩᠭᠢ ᠵᠢᠨ ᠦᠢ᠍ᠯᠡᠴᠢᠯᠡᠭᠡ ᠬᠠᠩᠭ᠋ᠠᠵᠤ᠂ ᠨᠢᠭᠡᠳᠦᠯᠲᠡᠶ ᠲᠦᠯᠦᠭᠡᠨ᠎ᠤ ᠨᠤᠮᠸᠷ ᠤᠯᠭᠤᠭᠰᠠᠨ᠎ᠤ ᠳᠠᠷᠠᠭ᠋ᠠᠬᠢ ᠬᠢᠨᠠᠨ ᠬᠠᠷᠭᠤᠭᠤᠯᠬᠤ ᠠᠵᠢᠯ᠎ᠢ ᠴᠢᠩᠭ᠋ᠠᠳᠬᠠᠬᠤ ᠵᠢᠨ ᠬᠠᠮᠲᠤ ᠨᠢᠭᠡᠳᠦᠯᠲᠡᠶ ᠨᠡᠶ᠋ᠢᠭᠡᠮ᠎ᠤᠨ ᠢᠲᠡᠭᠡᠮᠵᠢ ᠵᠢᠨ ᠨᠤᠮᠸᠷ᠎ᠤᠨ ᠮᠡᠳᠡᠭᠡ ᠵᠠᠩᠭᠢ ᠵᠢᠨ ᠬᠠᠷᠢᠭᠤ ᠳᠠᠮᠵᠢᠭᠤᠯᠬᠤ᠂ ᠪᠠᠷᠢᠮᠵᠢᠶ᠎ᠠ ᠲᠣᠭᠲᠠᠭ᠋ᠠᠬᠤ ᠪᠠ ᠨᠤᠮᠸᠷ ᠣᠯᠭᠣᠬᠤ ᠠᠵᠢᠯ᠎ᠢ ᠰᠠᠢ᠌ᠲᠤᠷ ᠬᠢᠬᠦ ᠪᠤᠯᠤᠨ᠎ᠠ᠃
      ᠬᠥᠲᠥᠯᠥᠭᠴᠢ᠄
     《ᠰᠠᠨᠠᠯ》᠎ᠳᠤ ᠳᠤᠷᠠᠳᠤᠭᠰᠠᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠳᠠᠪᠲᠠᠨ ᠪᠠᠢ᠌ᠴᠠᠭ᠋ᠠᠵᠤ ᠦᠨᠡᠮᠯᠡᠯ ᠰᠣᠯᠢᠬᠤ ᠬᠡᠯᠪᠡᠷᠢ ᠵᠢ ᠲᠡᠭᠦᠯᠳᠡᠷᠵᠢᠭᠦᠯᠦᠨ᠎ᠡ ᠭᠡᠵᠡᠢ᠂ ᠹᠸᠡᠭ ᠲᠣᠪᠴᠢᠶᠠᠨ ᠳᠠᠷᠤᠭ᠎ᠠ ᠡᠨᠡ ᠲᠠᠯ᠎ᠠ ᠵᠢᠨ ᠪᠠᠶ᠋ᠢᠳᠠᠯ᠎ᠢ ᠲᠠᠨᠢᠯᠴᠠᠭᠤᠯᠵᠤ ᠥᠭᠭᠦᠨ᠎ᠡ ᠤᠤ?
      ᠹᠸᠩ ᠶᠸ᠄
      ᠪᠤᠯᠤᠨ᠎ᠠ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠳᠠᠪᠲᠠᠨ ᠪᠠᠢ᠌ᠴᠠᠭ᠋ᠠᠵᠤ ᠦᠨᠡᠮᠯᠡᠯ ᠰᠣᠯᠢᠬᠤ ᠬᠡᠯᠪᠡᠷᠢ ᠵᠢ ᠲᠡᠭᠦᠯᠳᠡᠷᠵᠢᠭᠦᠯᠬᠦ᠎ᠨᠢ ᠳᠠᠷᠤᠶ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠲᠦᠷᠦᠯ ᠵᠦᠢ᠍ᠯ᠎ᠳᠤ 《ᠤᠷᠢᠳᠠᠪᠠᠷ ᠦᠨᠡᠮᠯᠡᠯ ᠣᠯᠭᠣᠵᠤ ᠲᠠᠷᠠᠭ᠎ᠠ᠎ᠨᠢ ᠬᠢᠨᠠᠬᠤ》 ᠲᠦᠷᠢᠮ᠎ᠢ ᠰᠦᠪᠡᠭᠴᠢᠯᠡᠨ ᠪᠠᠢ᠌ᠭᠤᠯᠵᠤ᠂ ᠭᠤᠶᠤᠴᠢᠯᠠᠭᠴᠢ᠎ᠨᠢ ᠥᠪᠡᠷ᠎ᠤᠨ ᠢᠯᠡᠷᠬᠡᠶ᠋ᠢᠯᠡᠯᠲᠡ᠂ ᠮᠡᠳᠡᠭᠡ ᠵᠠᠩᠭᠢ ᠵᠢ ᠢᠯᠡ ᠪᠣᠯᠭ᠋ᠠᠬᠤ᠂ ᠦᠨᠡᠮᠯᠡᠯl ᠤᠯᠭᠤᠭᠰᠠᠨ᠎ᠤ ᠲᠠᠷᠠᠭ᠎ᠠ᠎ᠨᠢ ᠰᠤᠭᠤᠴᠢᠨ ᠪᠠᠶ᠋ᠢᠴᠠᠭ᠋ᠠᠬᠤ ᠠᠷᠭ᠎ᠠ ᠵᠢ ᠬᠡᠷᠡᠭᠵᠢᠭᠦᠯᠦᠨ᠎ᠡ᠃ 2016 ᠣᠨ᠎ᠠᠴᠠ ᠡᠬᠢᠯᠡᠨ᠂ ᠰᠢᠯᠭ᠋ᠠᠨ ᠪᠠᠶ᠋ᠢᠴᠠᠭ᠋ᠠᠵᠤ ᠪᠠᠶ᠋ᠢᠴᠠᠭ᠋ᠠᠨ ᠬᠡᠮᠵᠢᠬᠦ ᠪᠠᠶ᠋ᠢᠭᠤᠯᠤᠮᠵᠢ ᠵᠢᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠥᠷᠥᠯ ᠵᠦᠢ᠍ᠯ ᠵᠢᠨ ᠬᠡᠮᠵᠢᠯᠲᠡ᠎ᠳᠤ ᠲᠤᠷᠰᠢᠯᠲᠠ ᠵᠢᠨ ᠴᠢᠭ᠋ ᠭᠠᠷᠭ᠋ᠠᠵᠤ᠂ ᠲᠤᠷᠰᠢᠯᠭ᠎ᠠ᠎ᠪᠠᠨ ᠳ᠋ᠦᠩᠨᠡᠨ᠂ ᠲᠦᠷᠢᠮ ᠲᠤᠭᠲᠠᠭ᠋ᠠᠯ᠎ᠢ ᠲᠡᠭᠦᠯᠳᠡᠷᠵᠢᠭᠦᠯᠵᠦ᠂ ᠪᠤᠰᠤᠳ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠦᠷᠦᠯ ᠵᠦᠢ᠍ᠯ᠎ᠳᠤ ᠬᠦᠷᠲᠡᠯ᠎ᠡ ᠠᠯᠬᠤᠮ ᠠᠯᠬᠤᠮ ᠵᠶ᠋ᠠᠷ ᠥᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠶᠠᠰᠤ ᠴᠢᠨᠠᠷ᠎ᠤᠨ ᠱᠠᠩᠨᠠᠯ ᠣᠯᠤᠭᠰᠠᠨ᠂ ᠲᠤᠮᠤ ᠬᠡᠯᠪᠡᠷᠢ ᠵᠢᠨ ᠪᠠ ᠵᠠᠬ᠎ᠠ ᠳᠡᠯᠭᠡᠭᠦᠷ᠎ᠲᠤ ᠭᠠᠷᠭ᠋ᠠᠬᠤ ᠠᠵᠤ ᠠᠬᠤᠶ᠋ᠢᠯᠠᠯ᠎ᠳᠤ 《ᠰᠠᠭ᠋ᠠᠳ ᠥᠭᠡᠢ ᠨᠡᠪᠲᠡᠷᠡᠬᠦ ᠵᠠᠮ》 ᠨᠡᠭᠡᠭᠡᠵᠦ᠂ ᠬᠢᠨᠠᠨ ᠵᠦᠪᠰᠢᠶᠡᠷᠡᠯ᠎ᠢ ᠬᠡᠯᠡᠵᠦ ᠦᠭᠬᠦ ᠵᠠᠭᠪᠤᠷ᠎ᠢ ᠬᠠᠶ᠋ᠢᠨ ᠰᠦᠪᠡᠭᠴᠢᠯᠡᠨ ᠬᠡᠷᠡᠭᠵᠢᠭᠦᠯᠵᠦ᠂ ᠪᠣᠳᠠᠲᠤ ᠭᠠᠵᠠᠷ᠎ᠲᠤ ᠬᠢᠨᠠᠨ ᠪᠠᠶ᠋ᠢᠴᠠᠭ᠋ᠠᠯᠲᠠ ᠬᠢᠬᠦ ᠵᠢ ᠬᠡᠯᠲᠦᠷᠢᠭᠦᠯᠵᠦ᠂ ᠥᠷᠭᠡᠳᠬᠡᠬᠦ ᠵᠦᠢ᠍ᠯ᠎ᠤᠨ ᠬᠢᠨᠠᠨ ᠰᠢᠯᠭ᠋ᠠᠬᠤ ᠠᠭᠤᠯᠭ᠎ᠠ ᠵᠢ ᠪᠠᠭ᠋ᠠᠰᠬᠠᠨ᠎ᠠ᠃
      ᠬᠥᠲᠥᠯᠥᠭᠴᠢ᠄
      ᠠᠵᠤ ᠠᠬᠤᠶ᠋ᠢᠯᠠᠯ᠎ᠤᠨ ᠳᠠᠷᠤᠭ᠋ᠠᠰᠤ ᠵᠢ ᠬᠥᠩᠭᠡᠯᠡᠬᠦ ᠲᠠᠯ᠎ᠠ᠎ᠪᠠᠷ ᠪᠢᠳᠡ ᠪᠠᠰᠠ ᠶᠠᠮᠠᠷ ᠠᠷᠭ᠎ᠠ ᠪᠠᠷᠢᠯ ᠠᠪᠤᠭᠰᠠᠨ ᠪᠤᠢ?
      ᠹᠸᠩ ᠶᠸ᠄
      ᠪᠢᠳᠡ ᠭᠣᠣᠯᠳᠠᠭᠤ ᠳᠣᠣᠷᠠᠬᠢ ᠮᠡᠲᠦ ᠬᠡᠳᠦᠨ ᠲᠠᠯ᠎ᠠ ᠵᠢᠨ ᠠᠵᠢᠯ᠎ᠢ ᠦᠷᠨᠢᠭᠦᠯᠪᠡ᠃ ᠨᠢᠭᠡ᠎ᠳᠤ ᠶᠠᠪᠤᠭᠤᠯᠵᠤ᠂ ᠨᠢᠭᠡ ᠥᠷᠲᠡᠭᠡᠨ᠎ᠤ ᠮᠠᠶᠢᠭ᠎ᠤᠨ ᠦᠢ᠍ᠯᠡᠴᠢᠯᠡᠭᠡᠨ᠎ᠤ ᠠᠵᠢᠯ᠎ᠤᠨ ᠲᠣᠭᠲᠠᠴᠠ ᠵᠢ ᠶᠠᠪᠤᠭᠤᠯᠪᠠ᠃ ᠣᠷᠣᠨ᠎ᠤ ᠲᠤᠪᠴᠢᠶ᠎ᠠ ᠵᠢᠨ ᠡᠯ᠎ᠡ ᠮᠡᠷᠭᠡᠵᠢᠯ᠎ᠤᠨ ᠪᠠᠶ᠋ᠢᠭᠤᠯᠤᠮᠵᠢ ᠰᠢᠯᠭ᠋ᠠᠨ ᠪᠠᠶ᠋ᠢᠴᠠᠭ᠋ᠠᠵᠤ ᠪᠠᠶ᠋ᠢᠴᠠᠭ᠋ᠠᠨ ᠬᠡᠮᠵᠢᠬᠦ ᠦᠢ᠍ᠯᠡᠴᠢᠯᠡᠭᠡᠨ᠎ᠤ ᠲᠢᠩᠬᠢᠮ ᠪᠠᠶ᠋ᠢᠭᠤᠯᠵᠤ᠂ ᠰᠢᠯᠭ᠋ᠠᠨ ᠪᠠᠶ᠋ᠢᠴᠠᠭ᠋ᠠᠵᠤ ᠪᠠᠶ᠋ᠢᠴᠠᠭ᠋ᠠᠨ ᠬᠡᠮᠵᠢᠬᠦ ᠭᠤᠶᠤᠴᠢᠯᠠᠯ᠎ᠢ ᠬᠦᠯᠢᠶᠡᠨ ᠠᠪᠴᠤ ᠰᠢᠢ᠍ᠳᠪᠦᠷᠢᠯᠡᠬᠦ᠂ ᠮᠠᠲ᠋ᠧᠷᠢᠶᠠᠯ᠎ᠢ ᠬᠢᠨᠠᠨ ᠪᠠᠶ᠋ᠢᠴᠠᠭ᠋ᠠᠬᠤ᠂ ᠵᠠᠭᠪᠤᠷ ᠬᠦᠯᠢᠶᠡᠨ ᠠᠪᠬᠤ᠂ ᠰᠢᠯᠭ᠋ᠠᠨ ᠪᠠᠶ᠋ᠢᠴᠠᠭ᠋ᠠᠬᠤ ᠵᠠᠷᠤᠳᠠᠯ ᠵᠢᠴᠢ ᠰᠢᠯᠭ᠋ᠠᠨ ᠪᠠᠶ᠋ᠢᠴᠠᠭ᠋ᠠᠭᠰᠠᠨ ᠮᠡᠳᠡᠭᠦᠯᠦᠯᠲᠡ ᠪᠠ ᠦᠨᠡᠮᠯᠡᠯ ᠣᠯᠭᠣᠬᠤ ᠵᠡᠷᠭᠡ᠎ᠳᠤ 《ᠨᠢᠭᠡ ᠦᠷᠳᠡᠭᠡᠯᠢᠭ》 ᠦᠢ᠍ᠯᠡᠴᠢᠯᠡᠭᠡ ᠬᠠᠩᠭ᠋ᠠᠵᠤ᠂ 《ᠬᠦᠯᠢᠶᠡᠨ ᠠᠪᠬᠤ ᠴᠣᠩᠬᠣ》᠎ᠳᠤ ᠭᠦᠢ᠍ᠴᠡᠳᠬᠡᠬᠦ ᠶᠠᠪᠤᠴᠠ ᠪᠠ ᠬᠡᠷᠡᠭ ᠡᠷᠬᠢᠯᠡᠬᠦ ᠵᠦᠭᠯᠡᠭᠦᠷ᠎ᠢ ᠵᠠᠷᠯᠠᠵᠤ᠂ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ᠂ ᠭᠦᠢ᠍ᠴᠡᠳᠬᠡᠬᠦ ᠴᠠᠭ᠎ᠤᠨ ᠬᠢᠵᠠᠭ᠋ᠠᠷ᠎ᠢ ᠢᠯᠡ᠎ᠪᠠᠷ ᠠᠮᠠᠯᠠᠬᠤ᠂ ᠤᠷᠢᠳᠠᠪᠠᠷ ᠭᠠᠷᠳᠠᠭᠴᠢ ᠪᠦᠬᠦᠨ᠎ᠢ ᠬᠠᠷᠢᠭᠤᠴᠠᠬᠤ ᠲᠤᠢ᠍ᠷᠢᠮ᠎ᠢ ᠶᠠᠪᠤᠭᠤᠯᠤᠨ᠎ᠠ; ᠣᠨᠴᠠ ᠲᠦᠷᠦᠯ᠎ᠤᠨ ᠲᠤᠨᠤᠭ ᠲᠥᠬᠥᠭᠡᠷᠦᠮᠵᠢ᠂ ᠦᠢ᠍ᠯᠡᠳᠬᠦᠨ᠎ᠤ ᠶᠠᠰᠤ ᠴᠢᠨᠠᠷ᠂ ᠬᠡᠮᠵᠢᠯᠲᠡ ᠵᠢᠨ ᠰᠢᠯᠭ᠋ᠠᠨ ᠪᠠᠶ᠋ᠢᠴᠠᠭ᠋ᠠᠵᠤ ᠪᠠᠶ᠋ᠢᠴᠠᠭ᠋ᠠᠨ ᠬᠡᠮᠵᠢᠬᠦ ᠴᠠᠭ ᠬᠤᠭᠤᠴᠠᠭ᠎ᠠ ᠵᠢ ᠤᠯᠠᠮ ᠨᠢᠭᠡ ᠠᠯᠬᠤᠮ ᠪᠠᠭ᠋ᠠᠰᠬᠠᠵᠤ᠂ ᠠᠵᠤ ᠠᠬᠤᠶ᠋ᠢᠯᠠᠯ᠂ ᠤᠯᠠᠨ ᠲᠦᠮᠡᠨ᠎ᠤ ᠬᠡᠷᠡᠭ᠎ᠢ ᠲᠡᠷᠡ ᠳᠠᠷᠤᠶ᠎ᠳᠤᠨᠢ ᠰᠢᠢ᠍ᠳᠪᠦᠷᠢᠯᠡᠬᠦ ᠵᠢ ᠪᠡᠶᠡᠯᠡᠭᠦᠯᠵᠦ᠂ ᠠᠵᠢᠯ᠎ᠤᠨ ᠦᠷ᠎ᠡ ᠪᠦᠲᠦᠭᠡᠯ ᠵᠶ᠋ᠡᠨ ᠳᠡᠭᠡᠭᠰᠢᠯᠡᠭᠦᠯᠦᠨ᠎ᠡ᠃ ᠬᠣᠶᠠᠷ᠎ᠲᠤ᠂ ᠬᠡᠷᠡᠭᠯᠡᠭᠴᠢ ᠵᠢᠨ ᠬᠠᠨᠤᠮᠵᠢ ᠵᠢᠨ ᠬᠡᠮᠵᠢᠶ᠎ᠡ᠎ᠳᠤ ᠬᠡᠮᠵᠢᠨ ᠲᠣᠭᠲᠠᠭ᠋ᠠᠯᠲᠠ ᠬᠢᠨ᠎ᠡ᠃ ᠤᠯᠠᠨ ᠵᠦᠢ᠍ᠯ᠎ᠤᠨ ᠬᠡᠯᠪᠡᠷᠢ ᠵᠢᠨ ᠬᠡᠷᠡᠭᠯᠡᠭᠴᠢᠳ᠎ᠤᠨ ᠬᠠᠷᠢᠭᠤ ᠰᠤᠷᠪᠤᠯᠵᠢᠯᠠᠭ᠎ᠠ ᠦᠷᠨᠢᠭᠦᠯᠵᠦ᠂ ᠰᠠᠨᠠᠭ᠋ᠠᠴᠢᠯᠠᠭ᠎ᠠ᠎ᠠᠴᠠ᠎ᠪᠠᠨ ᠬᠡᠷᠡᠭᠯᠡᠭᠴᠢ᠎ᠲᠠᠢ ᠨᠠᠪᠲᠡᠷᠡᠯᠴᠡᠵᠦ᠂ ᠪᠠᠶ᠋ᠢᠴᠠᠭ᠋ᠠᠯᠲᠠ ᠵᠢᠨ ᠬᠦᠰᠦᠨᠦᠭᠲᠦ᠂ ᠳ᠋ᠢᠶᠠᠩᠬᠤᠸᠠ᠂ ᠢᠮᠸᠢᠢ᠍ᠯ᠂ ᠠᠵᠤ ᠠᠬᠤᠶ᠋ᠢᠯᠠᠯ ᠬᠠᠷᠢᠭᠤ ᠰᠤᠷᠪᠤᠯᠵᠢᠯᠠᠬᠤ ᠵᠡᠷᠭᠡ ᠬᠡᠯᠪᠡᠷᠢ᠎ᠪᠠᠷ ᠬᠠᠨᠤᠮᠵᠢᠲᠤ ᠬᠡᠮᠵᠢᠶ᠎ᠡ ᠵᠢᠨ ᠬᠢᠨᠠᠨ ᠰᠢᠯᠭ᠋ᠠᠯᠲᠠ ᠵᠢ ᠥᠷᠨᠢᠭᠦᠯᠬᠦ ᠵᠢᠨ ᠬᠠᠮᠲᠤ ᠬᠢᠨᠠᠨ ᠰᠢᠯᠭ᠋ᠠᠵᠤ ᠦᠨᠡᠯᠡᠭᠰᠡᠨ ᠦᠷ᠎ᠡ ᠳ᠋ᠦᠩ ᠪᠠ ᠰᠠᠨᠠᠯ ᠰᠠᠨᠠᠭᠤᠯᠭ᠎ᠠ᠎ᠳᠤ ᠵᠠᠳᠠᠯᠤᠯᠲᠠ ᠬᠢᠵᠦ᠂ ᠰᠢᠯᠭ᠋ᠠᠨ ᠪᠠᠶ᠋ᠢᠴᠠᠭ᠋ᠠᠵᠤ ᠪᠠᠶ᠋ᠢᠴᠠᠭ᠋ᠠᠨ ᠬᠡᠮᠵᠢᠬᠦ ᠦᠢ᠍ᠯᠡᠴᠢᠯᠡᠭᠡᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠤᠨ᠎ᠠ᠃ ᠭᠤᠷᠪᠠ᠎ᠳᠤ᠂ ᠠᠵᠤ ᠠᠬᠤᠶ᠋ᠢᠯᠠᠯ᠎ᠳᠤ ᠨᠠᠷᠢᠯᠢᠭ ᠣᠨᠣᠴᠢᠲᠠᠶ᠎ᠪᠠᠷ ᠬᠠᠪᠰᠤᠷᠴᠤ ᠦᠢ᠍ᠯᠡᠴᠢᠯᠡᠬᠦ ᠵᠢ ᠪᠡᠶᠡᠯᠡᠭᠦᠯᠦᠨ᠎ᠡ᠃ ᠠᠵᠤ ᠦᠢ᠍ᠯᠡᠰ᠎ᠤᠨ ᠬᠦᠭᠵᠢᠯᠲᠡ ᠪᠠ ᠠᠵᠤ ᠠᠬᠤᠶ᠋ᠢᠯᠠᠯ᠎ᠤᠨ ᠬᠡᠷᠡᠭᠴᠡᠭᠡ ᠵᠢᠨ ᠲᠤᠭᠤᠷᠢᠨ᠎ᠳᠤ᠂ ᠰᠢᠯᠭ᠋ᠠᠨ ᠪᠠᠶ᠋ᠢᠴᠠᠭ᠋ᠠᠵᠤ ᠪᠠᠶ᠋ᠢᠴᠠᠭ᠋ᠠᠨ ᠬᠡᠮᠵᠢᠬᠦ ᠪᠠᠶ᠋ᠢᠭᠤᠯᠤᠮᠵᠢ ᠵᠢᠨ ᠲᠤᠰ ᠲᠤᠰ᠎ᠤᠨ ᠮᠡᠷᠭᠡᠵᠢᠯ᠎ᠤᠨ ᠳᠠᠪᠠᠭᠤᠯᠢᠭ ᠲᠠᠯ᠎ᠠ ᠵᠢ ᠤᠶᠠᠯᠳᠤᠭᠤᠯᠵᠤ᠂ ᠢᠳᠡᠪᠬᠢᠲᠡᠶ᠎ᠪᠠᠷ ᠠᠵᠤ ᠠᠬᠤᠶ᠋ᠢᠯᠠᠯ᠎ᠲᠤ ᠰᠢᠯᠭ᠋ᠠᠨ ᠪᠠᠶ᠋ᠢᠴᠠᠭ᠋ᠠᠵᠤ ᠪᠠᠶ᠋ᠢᠴᠠᠭ᠋ᠠᠨ ᠬᠡᠮᠵᠢᠬᠦ ᠮᠡᠷᠭᠡᠵᠢᠯ᠎ᠤᠨ ᠰᠤᠳᠤᠯᠤᠨ ᠨᠡᠭᠡᠭᠡᠬᠦ᠂ ᠪᠠᠷᠢᠮᠵᠢᠶᠠᠲᠤ ᠰᠢᠰᠲ᠋ᠧᠮᠵᠢ ᠵᠢᠨ ᠵᠥᠪᠯᠡᠯᠭᠡ ᠥᠭᠬᠦ᠂ ᠶᠠᠰᠤ ᠴᠢᠨᠠᠷ᠎ᠤᠨ ᠬᠠᠮᠢᠶᠠᠷᠤᠯᠲᠠ ᠪᠠ ᠠᠶᠤᠯ ᠤᠢ᠍ᠭᠡᠢ ᠵᠢᠨ ᠠᠵᠢᠯᠲᠠᠳ᠎ᠢ ᠪᠤᠯᠪᠠᠰᠤᠷᠠᠭᠤᠯᠤᠭᠰᠠᠨ ᠡᠰᠡᠬᠦ᠂ ᠬᠡᠮᠵᠢᠯᠲᠡ ᠵᠢᠨ ᠬᠠᠮᠢᠶᠠᠷᠤᠯᠲᠠ ᠵᠢᠨ ᠰᠢᠰᠲ᠋ᠧᠮᠵᠢ ᠵᠢ ᠪᠠᠶ᠋ᠢᠭᠤᠯᠬᠤ ᠵᠡᠷᠭᠡ 《ᠮᠠᠶᠢᠭ》᠎ᠤᠨ ᠦᠢ᠍ᠯᠡᠴᠢᠯᠡᠭᠡ ᠬᠠᠩᠭ᠋ᠠᠬᠤ; ᠠᠵᠤ ᠠᠬᠤᠶ᠋ᠢᠯᠠᠯ ᠪᠠ ᠦᠢ᠍ᠯᠡᠳᠪᠦᠷᠢᠯᠡᠯ᠎ᠤᠨ ᠨᠢᠭᠡᠳᠦᠭᠡᠷ ᠹᠷᠣᠨᠲ᠎ᠳᠤ ᠭᠦᠨᠵᠡᠭᠡᠢ᠌ᠷᠡᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠠᠵᠤ ᠠᠬᠤᠶ᠋ᠢᠯᠠᠯ᠎ᠢ ᠬᠠᠪᠰᠤᠷᠴᠤ ᠶᠠᠰᠤ ᠴᠢᠨᠠᠷ᠎ᠤᠨ ᠪᠠᠶ᠋ᠢᠳᠠᠯ᠎ᠢ ᠵᠠᠳᠠᠯᠵᠤ᠂ ᠦᠢ᠍ᠯᠡᠳᠬᠦᠨ᠎ᠤ ᠬᠢᠷᠢ ᠲᠡᠩᠴᠡᠬᠦ ᠨᠣᠷᠮ᠎ᠠ ᠵᠢ ᠳᠡᠭᠡᠭᠰᠢᠯᠡᠭᠦᠯᠦᠨ᠎ᠡ; ᠠᠵᠤ ᠠᠬᠤᠶ᠋ᠢᠯᠠᠯ᠎ᠢ ᠬᠠᠪᠰᠤᠷᠴᠤ QC ᠳᠤᠭᠤᠶ᠋ᠢᠯᠠᠩ᠎ᠢ ᠦᠷᠨᠢᠭᠦᠯᠵᠦ᠂ ᠭᠠᠷᠮᠠᠭ᠋ᠠᠶ ᠠᠮᠵᠢᠯᠲᠠ ᠪᠦᠲᠦᠮᠵᠢ ᠵᠢᠨ ᠶᠠᠰᠤ ᠴᠢᠨᠠᠷ᠎ᠤᠨ ᠬᠠᠮᠢᠶᠠᠷᠤᠯᠲᠠ ᠵᠡᠷᠭᠡ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ ᠵᠢ ᠳᠡᠯᠭᠡᠷᠡᠭᠦᠯᠵᠦ᠂ ᠠᠵᠤ ᠠᠬᠤᠶ᠋ᠢᠯᠠᠯ᠎ᠢ ᠬᠥᠲᠥᠯᠥᠨ ᠵᠢᠯᠣᠭᠣᠳᠴᠤ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠦᠢ᠍ᠯᠡᠴᠢᠯᠡᠭᠡᠨ᠎ᠤ ᠪᠣᠳᠠᠲᠤ ᠦᠷ᠎ᠡ ᠪᠦᠲᠦᠮᠵᠢ ᠤᠯᠬᠤ ᠴᠢᠨᠠᠷ᠎ᠢ ᠴᠢᠩᠭ᠋ᠠᠳᠬᠠᠨ᠎ᠠ᠃
      ᠹᠸᠩ ᠶᠸ᠄
      ᠲᠦᠷᠪᠡ᠎ᠳᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠮᠡᠷᠭᠡᠵᠢᠯ᠎ᠤᠨ ᠦᠢ᠍ᠯᠡᠴᠢᠯᠡᠭᠡ ᠵᠢ ᠰᠠᠢ᠌ᠲᠤᠷ ᠬᠢᠨ᠎ᠡ᠃ ᠬᠡᠮᠵᠢᠯᠲᠡ᠂ ᠰᠢᠯᠭ᠋ᠠᠨ ᠪᠠᠶ᠋ᠢᠴᠠᠭ᠋ᠠᠬᠤ ᠪᠠᠶ᠋ᠢᠴᠠᠭ᠋ᠠᠨ ᠬᠡᠮᠵᠢᠬᠦ ᠮᠡᠷᠭᠡᠵᠢᠯ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠪᠠᠷᠢᠮᠵᠢᠶᠡᠭᠤᠯᠬᠤ᠂ ᠬᠡᠮᠵᠢᠬᠦ᠂ ᠰᠢᠯᠭ᠋ᠠᠨ ᠪᠠᠶ᠋ᠢᠴᠠᠭ᠋ᠠᠵᠤ ᠪᠠᠶ᠋ᠢᠴᠠᠭ᠋ᠠᠨ ᠬᠡᠮᠵᠢᠬᠦ ᠵᠢ ᠤᠶᠠᠯᠳᠤᠭᠤᠯᠤᠭᠰᠠᠨ ᠡᠨᠧᠷᠭᠢ ᠠᠷᠪᠢᠯᠠᠨ ᠬᠤᠷᠤᠭᠳᠠᠯ᠎ᠢ ᠪᠠᠭ᠋ᠠᠰᠬᠠᠬᠤ ᠦᠢ᠍ᠯᠡᠴᠢᠯᠡᠭᠡᠨ᠎ᠤ ᠲᠣᠭᠲᠠᠴᠠ ᠶᠤᠰᠤᠭ᠋ᠠᠷ᠂ ᠦᠨ᠎ᠡ ᠲᠥᠯᠥᠪᠦᠷᠢ ᠦᠭᠡᠢ᠎ᠪᠠᠷ ᠪᠦᠬᠦ ᠣᠷᠣᠨ᠎ᠤ ᠡᠨᠧᠷᠭᠢ ᠬᠡᠷᠡᠭᠯᠡᠬᠦ ᠭᠣᠣᠯᠳᠠᠯᠭ᠎ᠠ᠎ᠲᠠᠢ ᠠᠵᠤ ᠠᠬᠤᠶ᠋ᠢᠯᠠᠯ᠎ᠤᠨ ᠮᠡᠷᠭᠡᠵᠢᠯ᠎ᠤᠨ ᠡᠨᠧᠷᠭᠢ ᠠᠷᠪᠢᠯᠠᠬᠤ ᠲᠤᠬᠠᠶ ᠵᠥᠪᠯᠡᠯᠭᠡ ᠥᠭᠬᠦ ᠦᠢ᠍ᠯᠡᠴᠢᠯᠡᠭᠡ ᠬᠠᠩᠭ᠋ᠠᠬᠤ; ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠮᠡᠷᠭᠡᠵᠢᠯ᠎ᠤᠨ ᠪᠠᠷᠢᠮᠵᠢᠶ᠎ᠠ ᠵᠢ ᠶᠡᠬᠡᠪᠡᠷ ᠳᠡᠯᠭᠡᠷᠡᠭᠦᠯᠵᠦ᠂ ᠨᠡᠭᠦᠷᠡᠰᠦ ᠲᠦᠯᠡᠬᠦ ᠵᠤᠤᠬ᠎ᠠ ᠵᠢᠨ ᠡᠨᠧᠷᠭᠢ ᠠᠷᠪᠢᠯᠠᠵᠤ ᠣᠷᠴᠢᠨ ᠲᠤᠭᠤᠷᠢᠨ᠎ᠢ ᠬᠠᠮᠠᠭ᠋ᠠᠯᠠᠬᠤ ᠵᠢ ᠳᠡᠭᠡᠭᠰᠢᠯᠡᠭᠦᠯᠬᠦ ᠢᠨ᠋ᠵᠸᠨ᠋ᠸᠷᠢᠩ᠎ᠢ ᠲᠦᠷᠭᠡᠳᠬᠡᠨ ᠠᠬᠢᠭᠤᠯᠵᠤ᠂ ᠨᠡᠭᠦᠷᠡᠰᠦ ᠲᠦᠯᠡᠬᠦ ᠠᠵᠤ ᠦᠢ᠍ᠯᠡᠳᠪᠦᠷᠢ ᠵᠢᠨ ᠰᠢᠲᠠᠭ᠋ᠠᠯᠭ᠎ᠠ ᠵᠢᠨ ᠡᠨᠧᠷᠭᠢ ᠵᠢᠨ ᠠᠰᠢᠭᠯᠠᠮᠵᠢ ᠵᠢᠨ ᠨᠡᠶ᠋ᠢᠳᠡᠮ ᠪᠠᠶ᠋ᠢᠴᠠᠭ᠋ᠠᠯᠲᠠ ᠥᠷᠨᠢᠭᠦᠯᠬᠦ᠂ ᠰᠢᠲᠠᠭ᠋ᠠᠯᠭ᠎ᠠ ᠵᠢᠨ ᠰᠢᠰᠲ᠋ᠧᠮ᠎ᠤᠨ ᠠᠮᠤᠷ ᠲᠦᠪᠰᠢᠨ ᠡᠨ᠋ᠸᠷᠬᠢ ᠠᠷᠪᠢᠯᠠᠬᠤ ᠪᠠᠷᠢᠮᠵᠢᠶᠠᠭᠰᠠᠨ ᠬᠠᠮᠢᠶᠠᠷᠤᠯᠲᠠ ᠵᠢ ᠬᠡᠷᠡᠭᠵᠢᠭᠦᠯᠬᠦ᠎ᠪᠠᠷ ᠳᠠᠮᠵᠢᠭᠤᠯᠤᠨ᠂ ᠠᠵᠤ ᠠᠬᠤᠶ᠋ᠢᠯᠠᠯ᠎ᠤᠨ ᠡᠨᠧᠷᠭᠢ ᠬᠡᠷᠡᠭᠯᠡᠬᠦ ᠥᠪᠡᠷ᠎ᠤᠨ ᠥᠷᠳᠡᠭ ᠪᠠ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢᠨ ᠬᠡᠮᠵᠢᠶ᠎ᠡ ᠵᠢ ᠪᠠᠭ᠋ᠠᠰᠬᠠᠨ᠎ᠠ᠃ ᠲᠠᠪᠤ᠎ᠳᠤ᠂ ᠶᠠᠰᠤ ᠴᠢᠨᠠᠷ᠎ᠲᠤ ᠬᠢᠨᠠᠯᠲᠠ ᠲᠠᠯᠪᠢᠬᠤ ᠮᠡᠳᠡᠭᠡ ᠵᠠᠩᠭᠢᠵᠢᠯᠲᠠ ᠵᠢᠨ ᠶᠡᠷᠦᠩᠬᠡᠶ ᠲᠤᠬᠠᠶ᠋ᠢᠯᠠᠭᠰᠠᠨ ᠠᠵᠢᠯ᠎ᠤᠨ ᠲᠠᠪᠴᠠᠩ᠎ᠤᠨ ᠪᠠᠶ᠋ᠢᠭᠤᠯᠤᠯᠲᠠ ᠵᠢ ᠲᠦᠷᠭᠡᠳᠬᠡᠨ᠎ᠡ᠃ 《ᠰᠦᠯᠵᠢᠶᠡᠨ ᠳᠡᠭᠡᠷ᠎ᠡ ᠬᠡᠷᠡᠭ ᠡᠷᠬᠢᠯᠡᠬᠦ ᠰᠢᠰᠲ᠋ᠧᠮ᠂ ᠶᠡᠷᠦᠩᠬᠡᠶ᠋ᠢᠯᠡᠭᠰᠡᠨ ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠲᠠ ᠵᠢᠨ ᠰᠢᠰᠲ᠋ᠧᠮ᠂ ᠬᠡᠷᠡᠭᠯᠡᠬᠦ ᠦᠢ᠍ᠯᠡᠴᠢᠯᠡᠭᠡᠨ᠎ᠤ ᠰᠢᠰᠲ᠋ᠧᠮ》 ᠭᠤᠷᠪᠠᠨ ᠶᠡᠬᠡ ᠰᠢᠰᠲ᠋ᠧᠮ᠎ᠢ ᠪᠠᠢ᠌ᠭᠤᠯᠵᠤ᠂ ᠦᠢ᠍ᠯᠡᠳᠬᠦᠨ᠎ᠤ ᠶᠠᠰᠤ ᠴᠢᠨᠠᠷ᠂ ᠣᠨᠴᠠ ᠲᠦᠷᠦᠯ᠎ᠤᠨ ᠲᠤᠨᠤᠭ ᠲᠥᠬᠥᠭᠡᠷᠦᠮᠵᠢ ᠵᠢᠨ ᠠᠶᠤᠯᠭᠦᠶ᠂ ᠰᠢᠯᠭ᠋ᠠᠨ ᠪᠠᠶ᠋ᠢᠴᠠᠭ᠋ᠠᠬᠤ ᠪᠠᠶ᠋ᠢᠴᠠᠭ᠋ᠠᠨ ᠬᠡᠮᠵᠢᠬᠦ ᠪᠠᠶ᠋ᠢᠳᠠᠯ᠎ᠤᠨ ᠬᠢᠨᠠᠯᠲᠠ ᠬᠠᠮᠢᠶᠠᠷᠤᠯᠲᠠ᠂ ᠪᠠᠷᠢᠮᠵᠢᠶᠠᠵᠢᠭᠰᠠᠨ᠂ ᠬᠡᠮᠵᠢᠯᠲᠡ ᠵᠢᠨ ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠲᠠ᠂ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠤᠨ ᠵᠠᠳᠠᠯᠤᠯᠲᠠ ᠪᠠ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠬᠤᠳᠠᠯ ᠬᠠᠭᠤᠷᠮᠠᠭ ᠶᠠᠪᠤᠳᠠᠯ᠎ᠳᠤ ᠴᠤᠬᠢᠯᠲᠠ ᠦᠭᠬᠦ ᠶᠡᠷᠦᠩᠬᠡᠶ᠋ᠢᠯᠡᠭᠰᠡᠨ ᠮᠡᠳᠡᠭᠡ ᠵᠠᠩᠭᠢ᠂ 《12365》 ᠶᠠᠰᠤ ᠴᠢᠨᠠᠷ᠎ᠤᠨ ᠵᠠᠭ᠋ᠠᠯᠳᠤᠵᠤ ᠴᠤᠬᠢᠯᠲᠠ ᠦᠭᠴᠦ ᠢᠯᠡᠴᠢᠯᠡᠨ ᠮᠡᠳᠡᠭᠦᠯᠬᠦ᠂ 《96116》 ᠴᠠᠬᠢᠯᠭ᠋ᠠᠨ ᠱᠠᠲᠤ ᠵᠢᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠲᠠᠪᠴᠠᠩ ᠵᠡᠷᠭᠡ ᠰᠢᠰᠲ᠋ᠧᠮ᠎ᠢ ᠬᠠᠮᠤᠷᠠᠨ᠎ᠠ᠃ ᠲᠤᠬᠠᠶ᠋ᠢᠯᠠᠭᠰᠠᠨ ᠠᠵᠢᠯ᠎ᠤᠨ ᠯᠠᠪᠯᠠᠯᠭ᠎ᠠ᠂ ᠵᠠᠭ᠋ᠠᠯᠳᠤᠵᠤ ᠢᠯᠡᠴᠢᠯᠡᠨ ᠮᠡᠳᠡᠭᠦᠯᠬᠦ᠂ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ ᠵᠡᠷᠭᠡ ᠰᠦᠯᠵᠢᠶᠡᠨ ᠳᠡᠭᠡᠷᠡᠬᠢ ᠦᠢ᠍ᠯᠡᠴᠢᠯᠡᠭᠡ ᠵᠢ ᠨᠡᠪᠲᠡᠷᠡᠭᠦᠯᠵᠦ᠂ ᠰᠢᠯᠭ᠋ᠠᠨ ᠪᠠᠶ᠋ᠢᠴᠠᠭ᠋ᠠᠵᠤ ᠪᠠᠶ᠋ᠢᠴᠠᠭ᠋ᠠᠨ ᠬᠡᠮᠵᠢᠬᠦ ᠰᠣᠯᠢᠯᠴᠠᠭ᠎ᠠ᠂ ᠦᠢ᠍ᠯᠡᠳᠬᠦᠨ᠎ᠤ ᠮᠡᠷᠭᠡᠵᠢᠯ᠎ᠤᠨ ᠤᠨᠤᠰᠢᠯᠠᠯᠲᠠ᠂ ᠰᠦᠯᠵᠢᠶᠡᠨ ᠳᠡᠭᠡᠷ᠎ᠡ ᠠᠯᠤᠰ ᠬᠡᠳᠦ ᠵᠢᠨ ᠪᠤᠯᠪᠠᠰᠤᠷᠠᠭᠤᠯᠤᠯ ᠬᠢᠬᠦ ᠵᠡᠷᠭᠡ ᠢᠨᠲᠸᠷ ᠰᠦᠯᠵᠢᠶ᠎ᠡ + ᠦᠢ᠍ᠯᠡᠴᠢᠯᠡᠭᠡᠨ᠎ᠤ ᠬᠡᠯᠪᠡᠷᠢ ᠵᠢ ᠪᠡᠶᠡᠯᠡᠭᠦᠯᠦᠨ᠎ᠡ᠃ 2016 ᠤᠨ᠎ᠤ 6 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠨᠢᠭᠡᠳᠦᠭᠡᠷ ᠬᠤᠭᠤᠴᠠᠭ᠋ᠠᠨ᠎ᠤ ᠪᠠᠷᠢᠯᠭ᠎ᠠ ᠵᠢ ᠪᠡᠶᠡᠯᠡᠭᠦᠯᠵᠦ᠂ 2017 ᠤᠨ᠎ᠤ 7 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠪᠦᠬᠦᠨ᠎ᠢ ᠳᠠᠭᠤᠰᠬᠠᠨ᠎ᠠ᠃
      ᠹᠸᠩ ᠶᠸ᠄
      ᠵᠢᠷᠭᠤᠭ᠎ᠠ᠎ᠳᠤ᠂ ᠪᠠᠷᠢᠮᠵᠢᠶᠠᠵᠢᠭᠤᠯᠬᠤ᠂ ᠬᠡᠮᠵᠢᠬᠦ᠂ ᠰᠢᠯᠭ᠋ᠠᠨ ᠪᠠᠶ᠋ᠢᠴᠠᠭ᠋ᠠᠵᠤ ᠪᠠᠶ᠋ᠢᠴᠠᠭ᠋ᠠᠨ ᠬᠡᠮᠵᠢᠬᠦ ᠭᠡᠷᠡᠴᠢᠯᠡᠯ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ ᠵᠢᠨ ᠡᠷᠴᠢᠮ᠎ᠢ ᠨᠡᠮᠡᠭᠳᠡᠭᠦᠯᠦᠨ᠎ᠡ᠃ ᠥᠪᠥᠷ ᠮᠣᠩᠭᠣᠯ᠎ᠤᠨ ᠬᠡᠷᠡᠭᠵᠢᠭᠦᠯᠵᠦ ᠪᠠᠢ᠌ᠬᠤ 《ᠨᠢᠭᠡ ᠪᠦᠰᠡ ᠨᠢᠭᠡ ᠵᠠᠮ》᠎ᠤᠨ ᠪᠠᠶ᠋ᠢᠯᠳᠤᠬᠤ ᠪᠤᠳᠤᠯᠭ᠎ᠠ᠎ᠳᠤ ᠢᠳᠡᠪᠬᠢᠲᠡᠶ᠎ᠪᠠᠷ ᠦᠢ᠍ᠯᠡᠴᠢᠯᠡᠵᠦ᠂ ᠬᠥᠬᠡᠬᠣᠲᠠ᠎ᠪᠠᠷ ᠲᠦᠪ ᠪᠤᠯᠭ᠋ᠠᠨ ᠪᠦᠲᠦᠭᠡᠨ ᠪᠠᠢ᠌ᠭᠤᠯᠵᠤ᠂ ᠥᠪᠥᠷ ᠮᠣᠩᠭᠣᠯ᠎ᠳᠤ ᠦᠢ᠍ᠯᠡᠴᠢᠯᠡᠵᠦ᠂ ᠤᠮᠠᠷᠠᠰᠢ ᠨᠡᠭᠡᠭᠡᠬᠦ ᠤᠯᠤᠰ᠎ᠤᠨ ᠲᠡᠰ᠎ᠤᠨ ᠦᠢ᠍ᠯᠡᠳᠬᠦᠨ᠎ᠤ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠲᠥᠪ ᠪᠠ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠨᠡᠮᠡᠭᠳᠡᠭᠦᠯᠵᠦ᠂ ᠣᠷᠣᠨ᠎ᠤ ᠳᠣᠲᠣᠷ᠎ᠠ ᠰᠢᠯᠭ᠋ᠠᠨ ᠪᠠᠶ᠋ᠢᠴᠠᠭ᠋ᠠᠵᠤ ᠪᠠᠶ᠋ᠢᠴᠠᠭ᠋ᠠᠨ ᠬᠡᠮᠵᠢᠬᠦ ᠪᠠᠶ᠋ᠢᠭᠤᠯᠤᠮᠵᠢ ᠵᠢᠨ ᠡᠮᠬᠢᠯᠡᠨ ᠨᠡᠢ᠌ᠯᠡᠭᠦᠯᠬᠦ ᠥᠭᠡᠷᠡᠴᠢᠯᠡᠯᠲᠡ ᠵᠢᠨ ᠡᠷᠴᠢᠮ᠎ᠢ ᠴᠢᠩᠭ᠋ᠠᠷᠠᠭᠤᠯᠵᠤ᠂ ᠳᠡᠯᠡᠬᠡᠶ᠎ᠳᠠᠬᠢ ᠨᠥᠯᠥᠭᠡᠯᠡᠬᠦ ᠬᠦᠴᠦᠨ᠎ᠲᠠᠢ ᠰᠢᠯᠭ᠋ᠠᠨ ᠪᠠᠶ᠋ᠢᠴᠠᠭ᠋ᠠᠵᠤ ᠪᠠᠶ᠋ᠢᠴᠠᠭ᠋ᠠᠨ ᠬᠡᠮᠵᠢᠬᠦ ᠭᠡᠷᠡᠴᠢᠯᠡᠯ᠎ᠤᠨ ᠳᠡᠭᠡᠳᠦ ᠮᠡᠷᠭᠡᠵᠢᠯ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠢ ᠪᠠᠢ᠌ᠭᠤᠯᠤᠨ᠎ᠠ᠃ ᠳᠤᠮᠳᠠᠲᠤ᠂ ᠮᠣᠩᠭᠣᠯ᠂ ᠣᠷᠣᠰ᠎ᠤᠨ ᠣᠯᠠᠨ ᠤᠯᠤᠰ᠎ᠤᠨ ᠬᠡᠮᠵᠢᠯᠲᠡ ᠵᠢᠨ ᠲᠥᠪ ᠪᠠᠢ᠌ᠭᠤᠯᠬᠤ ᠳᠡᠭᠡᠳᠦ ᠱᠠᠲᠤᠨ᠎ᠤ   ᠳᠡᠮᠵᠢᠯᠭᠡ ᠵᠢ ᠲᠡᠮᠡᠴᠡᠨ ᠤᠯᠵᠤ᠂ ᠤᠯᠠᠨ ᠤᠯᠤᠰ᠎ᠤᠨ ᠬᠡᠮᠵᠢᠯᠲᠡ ᠵᠢᠨ ᠨᠢᠭᠡᠴᠢ ᠵᠢᠨ ᠨᠢᠭᠡᠴᠢ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠥᠷᠨᠢᠭᠦᠯᠬᠦ; 《  ᠳᠤᠮᠳᠠᠳᠤ ᠮᠣᠩᠭᠣᠯ᠎ᠤᠨ ᠪᠠᠷᠢᠮᠵᠢᠶᠠᠵᠢᠭᠰᠠᠨ (ᠥᠪᠥᠷ ᠮᠣᠩᠭᠣᠯ) ᠰᠤᠳᠤᠯᠭ᠋ᠠᠨ᠎ᠤ ᠲᠥᠪ》᠂ 《ᠳᠤᠮᠳᠠᠳᠤ ᠣᠷᠣᠰ᠎ᠤᠨ ᠪᠠᠷᠢᠮᠵᠢᠶᠠᠭᠰᠠᠨ (ᠥᠪᠥᠷ ᠮᠣᠩᠭᠣᠯ) ᠰᠤᠳᠤᠯᠭ᠋ᠠᠨ᠎ᠤ ᠲᠥᠪ》 ᠪᠠᠢ᠌ᠭᠤᠯᠵᠤ᠂ ᠳᠡᠯᠡᠬᠡᠶ ᠵᠢᠨ ᠪᠠ ᠤᠯᠤᠰ᠎ᠤᠨ ᠳᠣᠲᠣᠭ᠋ᠠᠳᠤ ᠵᠢᠨ ᠪᠠᠷᠢᠮᠵᠢᠶᠠᠵᠢᠭᠰᠠᠨ ᠦᠢ᠍ᠯᠡᠴᠢᠯᠡᠭᠡ ᠬᠠᠩᠭ᠋ᠠᠬᠤ; ᠤᠯᠤᠰ᠎ᠤᠨ ᠬᠣᠭᠣᠷᠣᠨᠳᠣᠬᠢ ᠣᠷᠣᠨ ᠪᠦᠰᠡ ᠵᠢᠨ ᠴᠢᠨᠠᠷᠲᠠᠶ ᠬᠠᠮᠲᠤᠷᠠᠭᠰᠠᠨ ᠲᠤᠷᠰᠢᠯᠲᠠ ᠵᠢᠨ ᠲᠠᠰᠤᠭ ᠪᠠᠶ᠋ᠢᠭᠤᠯᠵᠤ᠂ ᠰᠢᠯᠭ᠋ᠠᠨ ᠪᠠᠶ᠋ᠢᠴᠠᠭ᠋ᠠᠵᠤ ᠬᠡᠮᠵᠢᠬᠦ ᠮᠡᠷᠭᠡᠵᠢᠯ᠎ᠳᠤ ᠲᠦᠬᠦᠮᠴᠢᠯᠡᠭᠰᠡᠨ ᠦᠢ᠍ᠯᠡᠴᠢᠯᠡᠭᠡ ᠬᠠᠩᠭ᠋ᠠᠵᠤ᠂ ᠠᠵᠤ ᠠᠬᠤᠶ᠋ᠢᠯᠠᠯ ᠠᠷᠠᠯᠵᠢᠶᠠᠨ᠎ᠤ ᠥᠪᠡᠷ᠎ᠤᠨ ᠦᠷᠳᠡᠭ᠎ᠢ ᠪᠠᠭᠤᠷᠠᠭᠤᠯᠵᠤ᠂ ᠮᠠᠨ᠎ᠤ ᠣᠷᠣᠨ᠎ᠤ ᠠᠵᠤ ᠠᠬᠤᠶ᠋ᠢᠯᠠᠯ᠎ᠤᠨ ᠦᠢ᠍ᠯᠡᠳᠬᠦᠨ᠎ᠤ ᠶᠠᠰᠤ ᠴᠢᠨᠠᠷ᠎ᠤᠨ ᠠᠯᠳᠠᠷᠰᠢᠯ ᠪᠠ ᠦᠷᠢᠰᠦᠯᠳᠦᠬᠦ ᠴᠢᠳᠠᠯ᠎ᠢ ᠳᠡᠭᠡᠭᠰᠢᠯᠡᠭᠦᠯᠬᠦ ᠵᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠠᠵᠤ ᠠᠬᠤᠶ ᠠᠷᠠᠯᠵᠢᠶᠠᠨ᠎ᠤ ᠬᠥᠭᠵᠢᠯᠲᠡ ᠵᠢ ᠠᠬᠢᠭᠤᠯᠤᠨ᠎ᠠ᠃ ᠲᠤᠯᠤᠭ᠎ᠠ᠎ᠳᠤ᠂ ᠠᠵᠤ ᠠᠬᠤᠶ᠋ᠢᠯᠠᠯ᠎ᠳᠤ ᠬᠣᠯᠪᠣᠭᠳᠠᠬᠤ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠢᠯᠭ᠋ᠠᠷᠠᠭᠤᠯᠤᠨ᠎ᠠ᠃ ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯ᠎ᠳᠤ ᠬᠣᠯᠪᠣᠭᠳᠠᠬᠤ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠢᠯᠭ᠋ᠠᠷᠠᠭᠤᠯᠬᠤ ᠠᠵᠢᠯ᠎ᠢ ᠥᠷᠨᠢᠭᠦᠯᠵᠦ᠂ ᠠᠵᠤ ᠠᠬᠤᠶ᠋ᠢᠯᠠᠯ᠎ᠳᠤ ᠬᠣᠯᠪᠣᠭᠳᠠᠭᠰᠠᠨ ᠰᠦᠢ᠍ᠳᠬᠡᠯ ᠬᠤᠷᠢᠶᠠᠬᠤ ᠳᠠᠩᠰᠠ ᠪᠠᠢ᠌ᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠵᠡᠷᠭᠡ 6 ᠰᠠᠯᠠᠭ᠎ᠠ ᠮᠥᠴᠢᠷ᠎ᠤᠨ ᠳᠠᠷᠤᠮᠠᠯᠯᠠᠨ ᠲᠠᠷᠬᠠᠭ᠋ᠠᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠋ᠢᠯᠠᠯ᠎ᠳᠤ ᠬᠣᠯᠪᠣᠭᠳᠠᠭᠰᠠᠨ ᠰᠦᠢ᠍ᠳᠬᠡᠯ ᠬᠤᠷᠢᠶᠠᠬᠤ ᠵᠢ ᠲᠤᠰᠬᠠᠶ ᠵᠦᠢ᠍ᠯ ᠵᠶ᠋ᠠᠷ ᠢᠯᠭ᠋ᠠᠷᠠᠭᠤᠯᠤᠨ ᠵᠢᠷᠤᠮᠵᠢᠭᠤᠯᠬᠤ ᠠᠵᠢᠯ᠎ᠤᠨ ᠬᠡᠷᠡᠭᠵᠢᠭᠦᠯᠬᠦ ᠲᠥᠰᠦᠯ》᠎ᠤᠨ ᠶᠤᠰᠤᠭ᠋ᠠᠷ᠂ ᠬᠣᠯᠪᠣᠭᠳᠠᠯ ᠪᠦᠬᠦᠢ ᠰᠦᠢ᠍ᠳᠬᠡᠯ ᠬᠤᠷᠢᠶᠠᠬᠤ ᠵᠦᠢ᠍ᠯᠡᠰ᠂ ᠰᠦᠢ᠍ᠳᠬᠡᠯ ᠬᠤᠷᠢᠶᠠᠬᠤ ᠪᠠᠷᠢᠮᠵᠢᠶ᠎ᠠ᠂ ᠰᠦᠢ᠍ᠳᠬᠡᠯ ᠬᠤᠷᠢᠶᠠᠬᠤ ᠦᠨᠳᠦᠰᠦᠯᠡᠯ ᠪᠣᠯᠤᠨ ᠪᠢᠯᠸᠲ ᠪᠠᠷᠢᠮᠲᠠ ᠬᠡᠷᠡᠭᠯᠡᠬᠦ ᠵᠡᠷᠭᠡ ᠵᠢ ᠵᠢᠷᠤᠮᠵᠢᠭᠤᠯᠬᠤ ᠪᠠ ᠶᠠᠰᠤ ᠴᠢᠨᠠᠷ᠎ᠲᠤ ᠬᠢᠨᠠᠯᠲᠠ ᠲᠠᠯᠪᠢᠵᠤ᠂ ᠬᠠᠤᠯᠢ ᠴᠠᠭ᠋ᠠᠵᠠ ᠵᠢᠨ ᠦᠨᠳᠦᠰᠦ ᠪᠠᠷᠢᠮᠲᠠ ᠦᠭᠡᠢ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠡᠷᠡᠰ ᠬᠦᠴᠦᠨ ᠦᠭᠡᠢ ᠪᠤᠯᠭ᠋ᠠᠵᠤ᠂ 《ᠠᠵᠤ ᠠᠬᠤᠶ᠋ᠢᠯᠠᠯ᠎ᠳᠤ ᠬᠣᠯᠪᠣᠭᠳᠠᠬᠤ ᠰᠦᠢ᠍ᠳᠬᠡᠯ ᠬᠤᠷᠢᠶᠠᠬᠤ᠎ᠨᠢ ᠲᠣᠳᠣᠷᠬᠠᠶ ᠬᠠᠭᠤᠳᠠᠰᠤ᠎ᠲᠠᠢ ᠪᠠᠢ᠌ᠬᠤ᠂ ᠲᠣᠳᠣᠷᠬᠠᠶ ᠬᠠᠭᠤᠳᠠᠰᠤ᠎ᠠᠴᠠ ᠪᠤᠰᠤᠳ ᠰᠦᠢ᠍ᠳᠬᠡᠯ᠎ᠢ ᠤᠭᠲᠤ ᠬᠤᠷᠢᠶᠠᠬᠤ ᠦᠭᠡᠢ》 ᠪᠠᠢ᠌ᠬᠤ ᠵᠢ ᠪᠠᠲᠤᠯᠠᠵᠤ᠂ ᠰᠦᠢ᠍ᠳᠬᠡᠯ ᠬᠤᠷᠢᠶᠠᠬᠤ ᠵᠦᠢ᠍ᠯᠡᠰ᠎ᠢ ᠡᠷᠬᠡᠪᠰᠢ ᠵᠠᠷᠯᠠᠨ ᠨᠡᠶ᠋ᠢᠲᠡᠯᠡᠬᠦ ᠬᠡᠷᠡᠭᠲᠡᠢ᠂ ᠨᠡᠶ᠋ᠢᠲᠡ᠎ᠳᠤ ᠵᠠᠷᠯᠠᠨ ᠨᠡᠢ᠌ᠲᠡᠯᠡᠭᠰᠡᠨ ᠦᠭᠡᠢ ᠰᠦᠢ᠍ᠳᠬᠡᠯ ᠬᠤᠷᠢᠶᠠᠬᠤ ᠲᠦᠷᠦᠯ ᠵᠦᠢ᠍ᠯ᠎ᠠᠴᠠ ᠴᠦᠮ ᠰᠦᠢ᠍ᠳᠬᠡᠯ ᠬᠤᠷᠢᠶᠠᠵᠤ ᠪᠤᠯᠬᠤ ᠦᠭᠡᠢ᠃ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠥᠷᠢᠮ᠎ᠢ ᠪᠠᠶ᠋ᠢᠭᠤᠯᠤᠨ᠂ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ ᠥᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠨ᠎ᠡ᠃ ᠬᠠᠤᠯᠢ᠎ᠪᠠᠷ ᠲᠣᠭᠲᠠᠭ᠋ᠠᠭᠰᠠᠨ ᠦᠨᠳᠦᠰᠦ ᠪᠠᠷᠢᠮᠲᠠ ᠦᠭᠡᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠠᠭᠤᠴᠢ ᠦᠢ᠍ᠯᠡᠴᠢᠯᠡᠭᠡᠨ᠎ᠤ ᠲᠥᠷᠥᠯ ᠵᠦᠢ᠍ᠯ ᠪᠣᠯᠤᠨ ᠰᠦᠢ᠍ᠳᠬᠡᠯ ᠬᠤᠷᠢᠶᠠᠬᠤ ᠵᠢ ᠴᠥᠮ ᠬᠦᠴᠦᠨ ᠤᠢ᠍ᠭᠡᠢ ᠪᠤᠯᠭ᠋ᠠᠨ᠎ᠠ᠃ ᠠᠵᠢᠯ ᠲᠦᠷᠦᠯ᠎ᠤᠨ ᠨᠡᠶ᠋ᠢᠭᠡᠮᠯᠢᠭ᠎ᠤᠨ ᠰᠦᠢ᠍ᠳᠬᠡᠯ ᠬᠤᠷᠢᠶᠠᠬᠤ ᠵᠢ ᠴᠡᠭᠴᠡᠯᠡᠨ ᠵᠢᠷᠤᠮᠵᠢᠭᠤᠯᠵᠤ᠂ ᠠᠵᠤ ᠠᠬᠤᠢ᠌ᠯᠠᠯ᠎ᠢ ᠠᠯᠪᠠᠲᠠᠵᠤ ᠬᠤᠷᠠᠯ ᠨᠡᠢ᠌ᠭᠡᠮᠯᠢᠭ᠎ᠳᠤ ᠤᠷᠤᠭᠤᠯᠵᠤ ᠰᠦᠢ᠍ᠳᠬᠡᠯ ᠬᠤᠷᠢᠶᠠᠬᠤ ᠵᠢᠴᠢ ᠠᠵᠤ ᠠᠬᠤᠶ᠋ᠢᠯᠠᠯ᠎ᠢ ᠠᠯᠪᠠᠳᠠᠵᠤ ᠵᠠᠷᠤᠳᠠᠯ ᠲᠤᠰᠢᠶᠠᠯᠭ᠋ᠠᠵᠤ ᠡᠯ᠎ᠡ ᠲᠤᠢ᠍ᠷᠦᠯ᠎ᠤᠨ ᠬᠤᠷᠠᠯ᠂ ᠪᠤᠯᠪᠠᠰᠤᠷᠠᠭᠤᠯᠤᠯ᠂ ᠳᠡᠯᠭᠡᠨ ᠦᠵᠡᠭᠦᠯᠦᠯᠭᠡ᠂ ᠠᠳᠠᠯᠢᠳᠬᠠᠨ ᠰᠢᠯᠭ᠋ᠠᠷᠠᠭᠤᠯᠵᠤ ᠬᠥᠬᠢᠭᠦᠯᠦᠨ ᠰᠠᠶ᠋ᠢᠰᠢᠶᠠᠬᠤ ᠪᠠ ᠠᠯᠪᠠᠳᠠᠯᠭ᠎ᠠ ᠵᠢᠨ ᠴᠢᠨᠠᠷᠲᠠᠶ ᠳᠡᠮᠵᠢᠯᠭᠡ ᠬᠠᠨᠳᠢᠪᠯᠠᠯ ᠡᠷᠭᠦᠬᠦ ᠵᠡᠷᠭᠡ ᠦᠢ᠍ᠯᠡ ᠠᠵᠢᠯᠯᠠᠭ᠎ᠠ᠎ᠳᠤ ᠤᠷᠤᠯᠴᠠᠭᠤᠯᠬᠤ ᠵᠢ ᠡᠷᠡᠰ ᠬᠤᠷᠢᠭᠯᠠᠨ᠎ᠠ ᠵᠤᠭᠰᠤᠭ᠋ᠠᠨ᠎ᠠ᠃

      ᠹᠸᠨᠭ ᠶᠸ᠄
      ᠨᠠᠢ᠍ᠮᠠ᠎ᠳᠤ ᠵᠠᠷᠤᠳᠠᠯ᠎ᠢ ᠬᠠᠰᠤᠵᠤ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠪᠡ᠃ ᠤᠯᠤᠰ᠂ ᠥᠪᠡᠷᠲᠡᠭᠡᠨ ᠵᠠᠰᠠᠬᠤ ᠣᠷᠣᠨ᠎ᠠᠴᠠ ᠠᠵᠤ ᠠᠬᠤᠢ᠌ᠯᠠᠯ᠎ᠤᠳ᠎ᠲᠤ ᠵᠠᠷᠤᠳᠠᠯ᠎ᠢ ᠬᠠᠰᠤᠵᠤ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢ ᠡᠷᠡᠰ ᠬᠡᠷᠡᠭᠵᠢᠭᠦᠯᠪᠡ᠃ ᠠᠵᠤ ᠠᠬᠤᠶ᠋ᠢᠯᠠᠯ᠎ᠤᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢᠨ ᠲᠥᠯᠥᠭᠡᠯᠡᠯ ᠲᠡᠮᠳᠡᠭ᠎ᠤᠨ ᠦᠨᠡᠮᠯᠡᠯ᠎ᠤᠨ ᠵᠠᠷᠤᠳᠠᠯ᠂ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠤᠨ ᠬᠢᠨᠠᠨ ᠪᠠᠢ᠌ᠴᠠᠭ᠋ᠠᠯᠲᠠ ᠵᠢᠨ ᠵᠠᠷᠤᠳᠠᠯ᠂ ᠨᠡᠢ᠌ᠭᠡᠮ᠎ᠤᠨ ᠬᠠᠮᠲᠤ ᠵᠢᠨ ᠬᠡᠷᠡᠭᠯᠡᠭᠡᠨ᠎ᠤ ᠬᠡᠮᠵᠢᠯᠲᠡ ᠵᠢᠨ ᠪᠠᠷᠢᠮᠵᠢᠶ᠎ᠠ ᠵᠢᠨ ᠦᠨᠡᠮᠯᠡᠯ᠎ᠤᠨ ᠵᠠᠷᠤᠳᠠᠯ᠂ ᠪᠠᠷᠢᠮᠵᠢᠶ᠎ᠠ ᠪᠣᠳᠠᠰ᠎ᠤᠨ ᠲᠡᠰ ᠢᠯᠭ᠋ᠠᠬᠤ ᠦᠨᠡᠮᠯᠡᠯ᠎ᠤᠨ ᠵᠠᠷᠤᠳᠠᠯ᠂ ᠬᠡᠮᠵᠢᠯᠲᠡ ᠵᠢᠨ ᠪᠠᠭ᠋ᠠᠵᠢ ᠬᠡᠷᠡᠭᠰᠡᠯ ᠰᠡᠯᠪᠢᠨ ᠵᠠᠰᠠᠬᠤ ᠵᠢ ᠵᠥᠪᠰᠢᠶᠡᠷᠡᠭᠰᠡᠨ ᠬᠢᠨᠠᠨ ᠰᠢᠯᠭ᠋ᠠᠬᠤ ᠵᠠᠷᠤᠳᠠᠯ᠂ ᠬᠡᠮᠵᠢᠯᠲᠡ ᠵᠢᠨ ᠰᠢᠯᠭ᠋ᠠᠨ ᠲᠣᠭᠲᠠᠭ᠋ᠠᠭᠴᠢ ᠵᠢᠨ ᠬᠢᠨᠠᠨ ᠰᠢᠯᠭ᠋ᠠᠬᠤ ᠵᠠᠷᠤᠳᠠᠯ᠂ ᠬᠡᠮᠵᠢᠯᠲᠡ ᠵᠢᠨ ᠰᠢᠯᠭ᠋ᠠᠨ ᠲᠣᠭᠲᠠᠭ᠋ᠠᠭᠴᠢ ᠵᠢᠨ ᠰᠢᠯᠭ᠋ᠠᠵᠤ ᠬᠢᠨᠠᠬᠤ ᠵᠠᠷᠤᠳᠠᠯ᠂ ᠤᠯᠤᠰ᠎ᠤᠨ ᠳᠣᠲᠣᠭ᠋ᠠᠳᠤ ᠵᠢᠨ ᠬᠡᠮᠵᠢᠯᠲᠡ ᠵᠢᠨ ᠪᠠᠭ᠋ᠠᠵᠢ ᠬᠡᠷᠡᠭᠰᠡᠯ᠎ᠤᠨ ᠰᠢᠨ᠎ᠡ ᠦᠢ᠍ᠯᠡᠳᠬᠦᠨ᠎ᠤ ᠶᠠᠩᠵᠤ ᠬᠡᠯᠪᠡᠷᠢ ᠵᠢ ᠵᠥᠪᠰᠢᠶᠡᠷᠡᠬᠦ ᠦᠨᠡᠮᠯᠡᠯ᠎ᠤᠨ ᠵᠠᠷᠤᠳᠠᠯ᠂ ᠬᠡᠮᠵᠢᠯᠲᠡ ᠵᠢᠨ ᠡᠷᠬᠡ ᠣᠯᠭᠣᠬᠤ ᠰᠢᠯᠭ᠋ᠠᠨ ᠬᠢᠨᠠᠬᠤ ᠵᠠᠷᠤᠳᠠᠯ ᠵᠡᠷᠭᠡ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠢ ᠵᠠᠷᠤᠳᠠᠯ᠎ᠢ ᠬᠦᠴᠦᠨ ᠦᠭᠡᠢ ᠪᠣᠯᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ ᠵᠡᠷᠭᠡ ᠰᠠᠯᠠᠭ᠎ᠠ ᠮᠥᠴᠢᠷ᠎ᠢ ᠢᠳᠡᠪᠬᠢᠲᠡᠢ᠎ᠪᠠᠷ ᠵᠣᠬᠢᠴᠠᠭᠤᠯᠵᠤ᠂ ᠡᠯᠧᠺᠲᠷᠣᠨ ᠲᠥᠯᠥᠭᠡᠯᠡᠯ ᠲᠡᠮᠳᠡᠭ᠎ᠤᠨ ᠦᠨᠡᠮᠯᠡᠯ ᠵᠶ᠋ᠠᠨ ᠭᠡᠭᠡᠭᠰᠡᠨ᠎ᠢ ᠮᠡᠳᠡᠭᠦᠯᠬᠦ ᠵᠠᠷᠤᠳᠠᠯ᠎ᠢ ᠬᠦᠴᠦᠨ ᠦᠭᠡᠢ ᠪᠣᠯᠭ᠋ᠠᠵᠤ᠂ ᠭᠦᠢ᠍ᠯᠭᠡᠭᠡᠨ᠎ᠤ ᠬᠦᠷᠢᠶᠡᠨ᠎ᠳᠠᠬᠢ ᠡᠯᠧᠺᠲᠷᠣᠨ ᠵᠢᠭᠯᠡᠭᠦᠷ ᠵᠡᠷᠭᠡ ᠴᠢᠩᠭ᠎ᠠ ᠪᠠᠢ᠌ᠴᠠᠭ᠋ᠠᠬᠤ ᠲᠥᠷᠥᠯ ᠵᠦᠢ᠍ᠯ᠎ᠤᠨ ᠵᠠᠷᠤᠳᠠᠯ᠎ᠤᠨ ᠪᠠᠷᠢᠮᠵᠢᠶ᠎ᠠ ᠵᠢ 50 %᠎ᠪᠠᠷ ᠪᠠᠭᠤᠷᠠᠭᠤᠯᠵᠠᠢ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ ᠵᠤᠤᠬᠠᠨ᠎ᠤ ᠳᠠᠷᠤᠯᠲᠠᠲᠤ ᠰᠠᠪᠠ ᠵᠢ ᠲᠣᠬᠢᠷᠠᠭᠤᠯᠬᠤ᠂ ᠣᠨᠴᠠ ᠲᠦᠷᠦᠯ᠎ᠤᠨ ᠲᠤᠨᠤᠭ ᠲᠥᠬᠥᠭᠡᠷᠦᠮᠵᠢ ᠵᠢ ᠨᠠᠶ᠋ᠢᠳᠠᠵᠤ ᠰᠢᠯᠭ᠋ᠠᠨ ᠪᠠᠶ᠋ᠢᠴᠠᠭ᠋ᠠᠵᠤ ᠪᠠᠶ᠋ᠢᠴᠠᠭ᠋ᠠᠨ ᠬᠡᠮᠵᠢᠬᠦ ᠲᠥᠷᠥᠯ ᠵᠦᠢ᠍ᠯ᠎ᠤᠨ ᠵᠠᠷᠤᠳᠠᠯ᠎ᠤᠨ ᠪᠠᠷᠢᠮᠵᠢᠶ᠎ᠠ᠎ᠳᠤ᠂ 15 ᠲᠥᠷᠥᠯ᠎ᠤᠨ ᠵᠠᠷᠤᠳᠠᠯ᠎ᠤᠨ ᠪᠠᠷᠢᠮᠵᠢᠶ᠎ᠠ ᠵᠢ ᠲᠡᠭᠰᠢᠳᠬᠡᠭᠡᠳ 30 %᠎ᠪᠠᠷ ᠪᠠᠭᠤᠷᠠᠭᠤᠯᠬᠤ᠂ ᠣᠨᠴᠠ ᠲᠦᠷᠦᠯ᠎ᠤᠨ ᠲᠤᠨᠤᠭ ᠲᠥᠬᠥᠭᠡᠷᠦᠮᠵᠢ ᠵᠢᠨ ᠰᠢᠯᠭ᠋ᠠᠨ ᠪᠠᠢ᠌ᠴᠠᠭ᠋ᠠᠬᠤ ᠮᠠᠲ᠋ᠧᠷᠢᠶᠠᠯ᠎ᠢ ᠬᠢᠨᠠᠨ ᠪᠠᠢ᠌ᠴᠠᠭ᠋ᠠᠬᠤ ᠵᠠᠷᠤᠳᠠᠯ᠎ᠢ ᠬᠦᠴᠦᠨ ᠦᠭᠡᠢ ᠪᠣᠯᠭ᠋ᠠᠬᠤ᠂ ᠳᠠᠩᠰᠠ ᠡᠪᠬᠡᠮᠡᠯ᠎ᠢ ᠪᠠᠢ᠌ᠴᠠᠭ᠋ᠠᠨ ᠯᠠᠪᠯᠠᠬᠤ ᠪᠠ ᠳᠠᠩᠰᠠ ᠡᠪᠬᠡᠮᠡᠯ᠎ᠢ ᠭᠠᠷᠭ᠋ᠠᠵᠤ ᠠᠪᠬᠤ ᠵᠠᠷᠤᠳᠠᠯ ᠵᠡᠷᠭᠡ 3 ᠲᠥᠷᠥᠯ᠎ᠤᠨ ᠵᠠᠷᠤᠳᠠᠯ᠎ᠢ ᠬᠦᠴᠦᠨ ᠦᠭᠡᠢ ᠪᠤᠯᠭ᠋ᠠᠬᠤ ᠵᠢ ᠴᠢᠩᠭ᠎ᠠ ᠬᠡᠷᠡᠭᠵᠢᠭᠦᠯᠪᠡ᠃ ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠠᠢ ᠢᠳᠡᠪᠬᠢᠲᠡᠢ ᠨᠡᠪᠲᠡᠷᠡᠯᠴᠡᠵᠦ᠂ ᠴᠤᠭᠯᠠᠭ᠎ᠠ ᠮᠠᠢ᠌ᠮᠠᠢ ᠵᠢᠨ ᠵᠠᠬ᠎ᠠ ᠳᠡᠯᠭᠡᠭᠦᠷ᠂ ᠬᠡᠳᠦ ᠳᠡᠯᠭᠡᠭᠦᠷ᠂ ᠬᠤᠳᠠᠯᠳᠤᠭ᠎ᠠ᠎ᠳᠤ ᠬᠡᠷᠡᠭᠯᠡᠵᠦ ᠪᠠᠢ᠌ᠭ᠎ᠠ ᠡᠯᠧᠺᠲᠷᠣᠨ ᠵᠢᠭᠯᠡᠭᠦᠷ ᠪᠠ ᠰᠤᠮᠤ ᠰᠢᠶᠠᠩ᠂ ᠨᠡᠢ᠌ᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠬᠦᠷᠢᠶᠡᠯᠡᠩ᠎ᠳᠤ ᠬᠡᠷᠡᠭᠯᠡᠵᠦ ᠪᠠᠢ᠌ᠭ᠎ᠠ ᠴᠢᠰᠦᠨ ᠳᠠᠷᠤᠯᠲᠠ ᠵᠢᠨ ᠬᠡᠮᠵᠢᠭᠦᠷ᠂ ᠵᠢᠷᠦᠬᠡᠨ᠎ᠤ ᠯᠤᠭᠰᠢᠯᠲᠠ ᠵᠢᠨ ᠵᠢᠷᠤᠭ᠎ᠤᠨ ᠬᠡᠮᠵᠢᠭᠦᠷ ᠵᠡᠷᠭᠡ ᠬᠡᠮᠵᠢᠭᠦᠷ ᠪᠠᠭ᠋ᠠᠵᠢ ᠵᠢᠨ ᠬᠢᠨᠠᠨ ᠲᠤᠭᠲᠠᠭ᠋ᠠᠬᠤ ᠵᠠᠷᠤᠳᠠᠯ᠎ᠢ ᠡᠯ᠎ᠡ ᠱᠠᠲᠤᠨ᠎ᠤ ᠠᠳᠠᠯᠢ ᠳᠡᠰ᠎ᠤᠨ ᠡᠳ᠋᠎ᠤᠨ ᠵᠠᠰᠠᠭ᠎ᠤᠨ ᠲᠥᠰᠥᠪ᠎ᠲᠤ ᠣᠷᠣᠭᠤᠯᠵᠤ᠂ ᠠᠷᠠᠳ᠎ᠤᠨ ᠠᠮᠢᠳᠤᠷᠠᠯ᠎ᠤᠨ ᠬᠡᠮᠵᠢᠯᠲᠡ᠎ᠳᠤ ᠲᠥᠯᠥᠪᠦᠷᠢ ᠦᠭᠡᠢ᠎ᠪᠠᠷ ᠰᠢᠯᠭ᠋ᠠᠨ ᠲᠣᠭᠲᠠᠭ᠋ᠠᠬᠤ ᠵᠢ ᠬᠡᠷᠡᠭᠵᠢᠭᠦᠯᠪᠡ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠢᠳᠡᠪᠬᠢᠲᠡᠢ ᠵᠣᠬᠢᠴᠠᠯᠳᠤᠨ᠂   ᠬᠠᠤᠯᠢ᠎ᠪᠠᠷ ᠲᠣᠭᠲᠠᠭ᠋ᠠᠭᠰᠠᠨ ᠪᠤᠰᠤᠳ ᠰᠢᠯᠭ᠋ᠠᠨ ᠪᠠᠢ᠌ᠴᠠᠭ᠋ᠠᠬᠤ ᠵᠠᠷᠤᠳᠠᠯ᠎ᠢ ᠡᠯ᠎ᠡ ᠱᠠᠲᠤᠨ᠎ᠤ ᠡᠳ᠋᠎ᠤᠨ ᠵᠠᠰᠠᠭ᠎ᠤᠨ ᠲᠥᠰᠥᠪ᠎ᠲᠤ ᠠᠯᠬᠤᠮ ᠠᠯᠬᠤᠮ ᠵᠶ᠋ᠠᠷ ᠣᠷᠣᠭᠤᠯᠵᠤ᠂ ᠬᠠᠤᠯᠢ᠎ᠪᠠᠷ ᠲᠣᠭᠲᠠᠭ᠋ᠠᠭᠰᠠᠨ ᠰᠢᠯᠭ᠋ᠠᠨ ᠪᠠᠢ᠌ᠴᠠᠭ᠋ᠠᠬᠤ ᠲᠥᠷᠥᠯ ᠵᠦᠢ᠍ᠯ᠎ᠢ ᠲᠥᠯᠥᠪᠦᠷᠢ ᠦᠭᠡᠢ᠎ᠪᠠᠷ ᠰᠢᠯᠭ᠋ᠠᠨ ᠪᠠᠢ᠌ᠴᠠᠭ᠋ᠠᠬᠤ ᠵᠢ ᠪᠡᠶᠡᠯᠡᠭᠦᠯᠬᠦ᠎ᠪᠠᠷ ᠴᠢᠷᠮᠠᠢ᠌ᠨ᠎ᠠ᠃ ᠶᠢᠰᠦ᠎ᠳᠤ᠂ ᠪᠢᠴᠢᠯ ᠠᠵᠤ ᠠᠬᠤᠢ᠌ᠯᠠᠯ᠎ᠤᠨ ᠠᠩᠬ᠎ᠠ ᠠᠳᠠᠯ ᠦᠢ᠍ᠯᠡᠰ ᠴᠣᠭᠴᠠᠯᠠᠬᠤ ᠬᠥᠭᠵᠢᠯᠲᠡ ᠵᠢ ᠲᠡᠳᠬᠦᠨ ᠳᠡᠮᠵᠢᠨ᠎ᠡ᠃ ᠪᠢᠴᠢᠯ ᠠᠵᠤ ᠠᠬᠤᠢ᠌ᠯᠠᠯ ᠪᠠ ᠠᠩᠬ᠎ᠠ ᠠᠳᠠᠯ ᠦᠢ᠍ᠯᠡᠰ ᠴᠣᠭᠴᠠᠯᠠᠵᠤ ᠪᠠᠢ᠌ᠭ᠎ᠠ ᠠᠵᠤ ᠠᠬᠤᠢ᠌ᠯᠠᠯ᠎ᠤᠨ ᠬᠠᠰᠤᠵᠤ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠭᠰᠠᠨ᠎ᠤ ᠰᠠᠭᠤᠷᠢᠨ ᠳᠡᠭᠡᠷ᠎ᠡ᠂ ᠲᠥᠯᠥᠪᠦᠷᠢ ᠦᠭᠡᠢ᠎ᠪᠠᠷ ᠠᠩᠬ᠎ᠠ ᠤᠳᠠᠭ᠋ᠠᠨ᠎ᠤ ᠦᠢ᠍ᠯᠡᠳᠬᠦᠨ᠎ᠤ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠬᠤ ᠪᠠ ᠰᠢᠨ᠎ᠡ᠎ᠪᠠᠷ ᠨᠡᠮᠡᠭᠳᠡᠭᠰᠡᠨ ᠬᠡᠮᠵᠢᠯᠲᠡ ᠵᠢᠨ ᠪᠠᠭ᠋ᠠᠵᠢ ᠬᠡᠷᠡᠭᠰᠡᠯ᠎ᠢ ᠬᠢᠨᠠᠨ ᠲᠣᠭᠲᠠᠭ᠋ᠠᠵᠤ᠂ ᠬᠣᠶᠠᠳᠠᠭᠢ ᠤᠳᠠᠭ᠎ᠠ ᠰᠢᠯᠭ᠋ᠠᠨ ᠪᠠᠢ᠌ᠴᠠᠭ᠋ᠠᠵᠤ᠂ ᠬᠢᠨᠠᠨ ᠲᠣᠭᠲᠠᠭ᠋ᠠᠬᠤ᠎ᠳᠤ ᠵᠠᠷᠤᠳᠠᠯ᠎ᠢ ᠬᠠᠭ᠋ᠠᠰ ᠵᠶ᠋ᠠᠷ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠪᠡ᠃
      ᠬᠥᠲᠥᠯᠥᠭᠴᠢ᠄
      ᠦᠢ᠍ᠯᠡᠳᠬᠦᠨ᠎ᠤ ᠶᠠᠰᠤ ᠴᠢᠨᠠᠷ᠎ᠢ ᠬᠢᠨᠠᠵᠤ ᠬᠠᠮᠢᠶᠠᠷᠬᠤ ᠲᠠᠯ᠎ᠠ᠎ᠪᠠᠷ ᠪᠢᠳᠡ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ?
      ᠹᠸᠨᠭ ᠶᠸ᠄
      ᠨᠢᠭᠡ᠎ᠳᠤ᠂ ᠥᠪᠡᠷ ᠵᠶ᠋ᠠᠨ ᠢᠯᠡᠷᠬᠡᠢ᠌ᠯᠡᠵᠦ᠂ ᠲᠥᠷᠥᠯ ᠬᠤᠪᠢᠶᠠᠨ ᠬᠢᠨᠠᠨ ᠬᠠᠮᠢᠶᠠᠷᠬᠤ ᠵᠢ ᠬᠡᠷᠡᠭᠵᠢᠭᠦᠯᠦᠨ᠎ᠡ᠃ 《ᠠᠵᠢᠯ ᠮᠡᠷᠭᠡᠵᠢᠯ᠎ᠳᠤ ᠥᠪᠡᠷ᠎ᠢ᠎ᠪᠠᠨ ᠱᠠᠭ᠋ᠠᠷᠳᠠᠬᠤ᠂ ᠥᠪᠡᠷ ᠵᠶ᠋ᠠᠨ ᠢᠯᠡᠷᠬᠡᠢ᠌ᠯᠡᠬᠦ᠂ ᠲᠥᠷᠥᠯ ᠬᠤᠪᠢᠶᠠᠨ ᠬᠢᠨᠠᠬᠤ᠂ ᠨᠡᠢ᠌ᠭᠡᠮ ᠨᠡᠢ᠌ᠲᠡ ᠬᠠᠮᠲᠤ᠎ᠪᠠᠷ ᠵᠠᠰᠠᠬᠤ》 ᠰᠢᠰᠲ᠋ᠧᠮ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ᠃ ᠠᠵᠤ ᠠᠬᠤᠢ᠌ᠯᠠᠯ᠂ ᠨᠡᠢ᠌ᠭᠡᠮ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ 《ᠬᠠᠤᠯᠢ ᠵᠢ ᠰᠠᠬᠢᠵᠤ ᠳᠦᠷᠢᠮ᠎ᠢ ᠵᠢᠷᠤᠮᠯᠠᠬᠤ᠂ ᠨᠡᠶ᠋ᠢᠭᠡᠮ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠪᠠ ᠦᠨᠡᠨᠴᠢ ᠢᠲᠡᠭᠡᠮᠵᠢᠲᠡᠶ ᠪᠠᠶ᠋ᠢᠬᠤ ᠪᠠᠶ᠋ᠢᠳᠠᠯ》 ᠵᠶ᠋ᠠᠨ ᠥᠪᠡᠷ ᠵᠶ᠋ᠠᠨ ᠢᠯᠡᠷᠬᠡᠢ᠌ᠯᠡᠬᠦ ᠵᠢ ᠵᠣᠷᠢᠭᠵᠢᠭᠤᠯᠤᠨ᠎ᠠ᠃ 2016 ᠣᠨ᠎ᠠᠴᠠ ᠡᠬᠢᠯᠡᠨ᠂ ᠰᠢᠯᠭ᠋ᠠᠨ ᠪᠠᠶ᠋ᠢᠴᠠᠭ᠋ᠠᠵᠤ ᠪᠠᠶ᠋ᠢᠴᠠᠭ᠋ᠠᠨ ᠬᠡᠮᠵᠢᠬᠦ   ᠪᠠᠢ᠌ᠭᠤᠯᠤᠮᠵᠢ ᠥᠪᠡᠷ ᠵᠶ᠋ᠠᠨ ᠢᠯᠡᠷᠬᠡᠢ᠌ᠯᠡᠬᠦ᠂ 《ᠤᠷᠢᠳᠠᠪᠠᠷ ᠵᠥᠪᠰᠢᠶᠡᠷᠡᠵᠦ ᠳᠠᠷᠠᠭ᠎ᠠ᠎ᠨᠢ ᠰᠢᠯᠭ᠋ᠠᠬᠤ》 《ᠠᠭᠤᠵᠢᠭᠤ ᠵᠥᠪᠰᠢᠶᠡᠷᠡᠵᠦ ᠴᠢᠩᠭ᠎ᠠ ᠬᠠᠮᠢᠶᠠᠷᠬᠤ》 ᠵᠠᠭᠪᠤᠷ᠎ᠢ ᠰᠦᠪᠡᠭᠴᠢᠯᠡᠨ᠎ᠡ᠃ ᠦᠢ᠍ᠯᠡᠳᠬᠦᠨ᠎ᠤ ᠶᠠᠰᠤ ᠴᠢᠨᠠᠷ᠎ᠤᠨ ᠠᠶᠤᠯᠭᠦᠶ᠂ ᠣᠨᠴᠠ ᠲᠦᠷᠦᠯ᠎ᠤᠨ ᠲᠤᠨᠤᠭ ᠲᠥᠬᠥᠭᠡᠷᠦᠮᠵᠢ ᠵᠢᠨ ᠠᠶᠤᠯᠭᠦᠶ᠂ ᠰᠢᠯᠭ᠋ᠠᠨ ᠪᠠᠶ᠋ᠢᠴᠠᠭ᠋ᠠᠵᠤ ᠪᠠᠶ᠋ᠢᠴᠠᠭ᠋ᠠᠨ ᠬᠡᠮᠵᠢᠬᠦ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠬᠠᠮᠲᠤᠷᠠᠯᠴᠠᠨ ᠵᠣᠬᠢᠴᠠᠯᠳᠤᠬᠤ ᠪᠠ ᠬᠠᠮᠲᠤᠷᠠᠯᠴᠠᠨ ᠰᠢᠢ᠍ᠳᠪᠦᠷᠢᠯᠡᠬᠦ ᠲᠣᠭᠲᠠᠴᠠ ᠵᠢ ᠠᠯᠬᠤᠮ ᠠᠯᠬᠤᠮ ᠵᠶ᠋ᠠᠷ ᠪᠠᠶ᠋ᠢᠭᠤᠯᠵᠤ᠂ ᠠᠳᠠᠯᠢ ᠪᠤᠰᠤ ᠠᠶᠤᠯ ᠲᠦᠭᠰᠢᠭᠦᠷᠢ ᠵᠢᠨ ᠲᠥᠷᠥᠯ ᠢᠯᠭ᠋ᠠᠯ ᠣᠷᠣᠰᠢᠵᠤ ᠪᠠᠢ᠌ᠭ᠎ᠠ ᠪᠠᠶ᠋ᠢᠭᠤᠯᠤᠮᠵᠢ᠂ ᠠᠵᠤ ᠠᠬᠤᠢ᠌ᠯᠠᠯ᠂ ᠠᠵᠢᠯ ᠲᠥᠷᠥᠯ᠂ ᠭᠠᠵᠠᠷ ᠣᠷᠣᠨ᠂ ᠦᠢ᠍ᠯᠡᠳᠬᠦᠨ ᠵᠢᠴᠢ ᠦᠢ᠍ᠯᠡᠴᠢᠯᠡᠭᠡᠨ᠎ᠤ ᠬᠢᠨᠠᠨ ᠬᠠᠮᠢᠶᠠᠷᠬᠤ ᠵᠣᠬᠢᠴᠠᠩᠭᠤᠶ ᠠᠷᠭ᠎ᠠ ᠲᠣᠭᠲᠠᠭ᠋ᠠᠨ ᠲᠥᠷᠥᠯ ᠬᠤᠪᠢᠶᠠᠨ ᠬᠢᠨᠠᠨ ᠬᠠᠮᠢᠶᠠᠷᠬᠤ ᠵᠢ ᠬᠡᠷᠡᠭᠵᠢᠭᠦᠯᠵᠦ᠂ ᠲᠥᠷᠥᠯ ᠬᠤᠪᠢᠶᠠᠨ ᠬᠢᠨᠠᠨ ᠬᠠᠮᠢᠶᠠᠷᠬᠤ ᠳᠠᠩᠰᠠ ᠡᠪᠬᠡᠮᠡᠯ ᠪᠠᠢ᠌ᠭᠤᠯᠤᠨ᠎ᠠ᠃ ᠬᠣᠶᠠᠷ᠎ᠲᠤ᠂ ᠰᠤᠭᠤᠴᠢᠨ ᠪᠠᠶ᠋ᠢᠴᠠᠭ᠋ᠠᠯᠲᠠ ᠥᠷᠨᠢᠭᠦᠯᠵᠦ᠂ ᠤᠴᠢᠷ ᠶᠠᠪᠤᠳᠠᠯ᠎ᠤᠨ ᠳᠤᠮᠳᠠ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠨ ᠬᠠᠮᠢᠶᠠᠷᠤᠯᠲᠠ᠎ᠪᠠᠨ ᠴᠢᠩᠭ᠋ᠠᠳᠬᠠᠨ᠎ᠠ᠃ 《ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ ᠰᠤᠭᠤᠴᠢᠬᠤ ᠪᠠᠶ᠋ᠢᠴᠠᠭ᠋ᠠᠯᠲᠠ ᠵᠢ ᠥᠷᠨᠢᠭᠦᠯᠵᠦ ᠤᠴᠢᠷ ᠶᠠᠪᠤᠳᠠᠯ᠎ᠤᠨ ᠳᠤᠮᠳᠠ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠨ ᠬᠠᠮᠢᠶᠠᠷᠤᠯᠲᠠ᠎ᠪᠠᠨ ᠵᠢᠷᠤᠮᠵᠢᠭᠤᠯᠬᠤ ᠲᠤᠬᠠᠢ ᠮᠡᠳᠡᠭᠳᠡᠯ》᠎ᠢ ᠭᠦᠨᠵᠡᠭᠡᠢ ᠨᠠᠢ᠌ᠳᠠᠪᠤᠷᠢᠵᠢᠭᠤᠯᠵᠤ᠂ ᠶᠠᠰᠤ ᠴᠢᠨᠠᠷ᠎ᠢ ᠪᠠᠶ᠋ᠢᠴᠠᠭ᠋ᠠᠬᠤ ᠰᠠᠯᠠᠭ᠎ᠠ ᠮᠥᠴᠢᠷ ᠵᠠᠰᠠᠭ ᠵᠠᠬᠢᠷᠭ᠋ᠠᠨ᠎ᠤ ᠪᠠᠶ᠋ᠢᠴᠠᠭ᠋ᠠᠬᠤ ᠵᠦᠢ᠍ᠯ᠂ ᠵᠠᠰᠠᠭ ᠵᠠᠬᠢᠷᠭ᠋ᠠᠨ᠎ᠤ ᠬᠢᠨᠠᠨ ᠲᠣᠭᠲᠠᠭ᠋ᠠᠬᠤ᠂ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠨᠠᠷᠢᠨ ᠳᠠᠩᠰᠠ ᠵᠢ ᠬᠠᠤᠯᠢ ᠶᠣᠰᠣᠭ᠋ᠠᠷ ᠡᠮᠬᠢᠯᠡᠨ᠎ᠡ᠃ 2016 ᠣᠨ᠎ᠳᠤ ᠥᠪᠡᠷᠲᠡᠭᠡᠨ ᠵᠠᠰᠠᠬᠤ ᠣᠷᠣᠨ᠎ᠤ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠲᠣᠪᠴᠢᠶ᠎ᠠ ᠪᠠᠢ᠌ᠴᠠᠭ᠋ᠠᠯᠲᠠ ᠵᠢᠨ ᠵᠦᠢ᠍ᠯᠡᠰ᠎ᠢ ᠰᠤᠭᠤᠴᠢᠨ ᠪᠠᠢ᠌ᠴᠠᠭ᠋ᠠᠬᠤ ᠨᠠᠷᠢᠨ ᠳᠠᠩᠰᠠ ᠪᠠ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ ᠰᠤᠭᠤᠴᠢᠨ ᠪᠠᠢ᠌ᠴᠠᠭ᠋ᠠᠬᠤ ᠬᠥᠮᠥᠷᠭᠡ ᠵᠢ ᠠᠩᠬ᠎ᠠ ᠠᠯᠬᠤᠮ ᠲᠣᠭᠲᠠᠭ᠋ᠠᠵᠤ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠲᠤ ᠰᠤᠭᠤᠴᠢᠨ ᠪᠠᠢ᠌ᠴᠠᠭ᠋ᠠᠬᠤ ᠵᠢ ᠬᠡᠷᠡᠭᠵᠢᠭᠦᠯᠵᠦ᠂ ᠰᠤᠭᠤᠴᠢᠨ ᠪᠠᠢ᠌ᠴᠠᠭ᠋ᠠᠬᠤ ᠬᠠᠷᠢᠴᠠᠯ᠎ᠢ 10 %᠎ᠠᠴᠠ 20 %᠎ᠳᠤ ᠬᠦᠷᠦᠭᠦᠯᠦᠨ᠎ᠡ᠃ ᠭᠤᠷᠪᠠ᠎ᠳᠤ᠂ ᠰᠤᠭᠤᠴᠢᠨ ᠪᠠᠢ᠌ᠴᠠᠭ᠋ᠠᠬᠤ ᠪᠠ ᠰᠢᠯᠭ᠋ᠠᠨ ᠪᠠᠢ᠌ᠴᠠᠭ᠋ᠠᠬᠤ ᠵᠢ ᠰᠠᠯᠭ᠋ᠠᠭᠰᠠᠨ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠦᠨ᠎ᠡ᠃ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠰᠢᠰᠲ᠋ᠧᠮ ᠬᠢᠨᠠᠯᠲᠠ ᠵᠢᠨ ᠪᠠᠢ᠌ᠭᠤᠯᠤᠮᠵᠢ ᠰᠤᠭᠤᠴᠢᠨ ᠪᠠᠢ᠌ᠴᠠᠭ᠋ᠠᠬᠤ ᠪᠠ ᠬᠢᠨᠠᠯᠲᠠ ᠲᠠᠯᠪᠢᠬᠤ ᠵᠢ ᠰᠠᠯᠭ᠋ᠠᠬᠤ ᠳᠦᠷᠢᠮ᠎ᠢ ᠪᠦᠷᠢᠨᠰᠢᠭᠦᠯᠵᠦ᠂ ᠬᠢᠨᠠᠯᠲᠠ ᠲᠠᠯᠪᠢᠵᠦ ᠰᠤᠭᠤᠴᠢᠨ ᠪᠠᠢ᠌ᠴᠠᠭ᠋ᠠᠬᠤ ᠪᠦᠷᠢᠨ ᠲᠥᠬᠥᠷ ᠠᠵᠢᠯ᠎ᠤᠨ ᠲᠤᠭᠲᠠᠴᠠ ᠵᠢ ᠪᠠᠢ᠌ᠭᠤᠯᠵᠤ᠂ ᠰᠤᠭᠤᠴᠢᠨ   ᠪᠠᠢ᠌ᠴᠠᠭ᠋ᠠᠭᠴᠢ ᠪᠠ ᠰᠢᠯᠭ᠋ᠠᠨ ᠪᠠᠢ᠌ᠴᠠᠭ᠋ᠠᠭᠴᠢ ᠵᠢ ᠪᠦᠷᠢᠮᠦᠰᠦᠨ ᠰᠠᠯᠭ᠋ᠠᠵᠤ᠂ ᠦᠯᠢᠭᠡᠷ ᠰᠣᠩᠭᠣᠬᠤ᠂ ᠦᠯᠢᠭᠡᠷ᠎ᠤᠨ ᠮᠡᠳᠡᠭᠡ ᠵᠠᠩᠭᠢ ᠵᠢ ᠣᠷᠣᠭᠤᠯᠬᠤ᠂ ᠰᠢᠯᠭ᠋ᠠᠨ ᠪᠠᠢ᠌ᠴᠠᠭ᠋ᠠᠬᠤ ᠡᠯ᠎ᠡ ᠭᠣᠭᠴᠣᠭ᠎ᠠ᠎ᠳᠤ ᠬᠤᠪᠢ ᠬᠤᠪᠢᠨ᠎ᠤ ᠠᠵᠢᠯ ᠵᠶ᠋ᠠᠨ ᠬᠠᠮᠢᠶᠠᠷᠴᠤ᠂ ᠴᠢᠬᠤᠯᠠ ᠮᠡᠳᠡᠭᠡ ᠵᠠᠩᠭᠢ ᠵᠢᠨ ᠨᠢᠭᠤᠴᠠ ᠵᠢ ᠬᠠᠮᠠᠭ᠋ᠠᠯᠠᠬᠤ ᠲᠣᠭᠲᠠᠴᠠ ᠪᠠ 《ᠪᠠᠯᠠᠢ ᠦᠯᠢᠭᠡᠷ》᠎ᠤᠨ ᠴᠢᠩᠭ᠎ᠠ ᠳᠦᠷᠢᠮ᠎ᠢ ᠪᠠᠢ᠌ᠭᠤᠯᠵᠤ᠂ ᠪᠠᠢ᠌ᠴᠠᠭ᠋ᠠᠨ ᠬᠡᠮᠵᠢᠬᠦ ᠠᠵᠢᠯ᠎ᠤᠨ ᠪᠤᠰᠤᠳᠴᠢ᠂ ᠰᠢᠨᠵᠢᠯᠡᠬᠦ ᠤᠬᠠᠭ᠋ᠠᠨᠴᠢ᠂ ᠲᠥᠪ ᠭᠣᠣᠯᠴᠢ ᠵᠢ ᠪᠠᠲᠤᠯᠠᠨ᠎ᠠ᠃ ᠳᠥᠷᠪᠡ᠎ᠳᠤ᠂ 《ᠨᠠᠷᠠᠨ ᠭᠡᠷᠡᠯᠲᠦ ᠵᠠᠰᠠᠭ ᠵᠠᠬᠢᠷᠭ᠎ᠠ》 ᠵᠢ ᠲᠦᠯᠬᠢᠨ ᠠᠬᠢᠭᠤᠯᠵᠤ᠂ ᠨᠡᠢ᠌ᠭᠡᠮ᠎ᠤᠨ ᠬᠢᠨᠠᠯᠲᠠ ᠵᠢ ᠬᠦᠯᠢᠶᠡᠨ᠎ᠡ᠃ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠵᠠᠰᠠᠭ ᠵᠠᠬᠢᠷᠭ᠋ᠠᠨ᠎ᠤ ᠬᠢᠨᠠᠨ ᠪᠠᠢ᠌ᠴᠠᠭ᠋ᠠᠯᠲᠠ᠂ ᠬᠢᠨᠠᠯᠲᠠ ᠲᠠᠯᠪᠢᠵᠤ ᠪᠠᠢ᠌ᠴᠠᠭ᠋ᠠᠬᠤ᠂ ᠬᠠᠤᠯᠢ ᠬᠡᠷᠡᠭᠵᠢᠭᠦᠯᠵᠦ ᠬᠡᠷᠡᠭ ᠰᠢᠳᠭᠡᠬᠦ᠂ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠬᠡᠮᠵᠢᠬᠦ ᠵᠡᠷᠭᠡ ᠬᠢᠨᠠᠯᠲᠠ ᠲᠠᠯᠪᠢᠬᠤ ᠦᠢ᠍ᠯᠡᠴᠢᠯᠡᠭᠡᠨ᠎ᠤ ᠮᠡᠳᠡᠭᠡ ᠵᠠᠩᠭᠢ ᠵᠢ ᠨᠡᠢ᠌ᠭᠡᠮ᠎ᠳᠤ ᠢᠯᠡ᠎ᠪᠠᠷ ᠨᠡᠢ᠌ᠲᠡᠯᠡᠨ᠎ᠡ᠃ 2016 ᠣᠨ᠎ᠤ 6 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ᠂ ᠲᠠᠸᠠᠷ᠎ᠤᠨ ᠦᠢ᠍ᠯᠡᠳᠪᠦᠷᠢᠯᠡᠯ᠎ᠤᠨ ᠵᠥᠪᠰᠢᠶᠡᠷᠡᠯ᠂ ᠣᠨᠴᠠᠭ᠋ᠠᠢ ᠲᠥᠬᠥᠭᠡᠷᠦᠮᠵᠢ ᠵᠢᠨ ᠦᠢ᠍ᠯᠡᠳᠪᠦᠷᠢᠯᠡᠯ᠂ ᠬᠡᠷᠡᠭᠯᠡᠭᠡ᠂ ᠠᠷᠠᠴᠢᠯᠠᠨ ᠬᠠᠮᠠᠭ᠋ᠠᠯᠠᠬᠤ᠂ ᠬᠡᠮᠵᠢᠯᠲᠡ ᠵᠢᠨ ᠬᠢᠨᠠᠨ ᠲᠣᠭᠲᠠᠭ᠋ᠠᠯᠲᠠ ᠪᠠ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠬᠡᠮᠵᠢᠬᠦ ᠵᠠᠬ᠎ᠠ ᠳᠡᠯᠭᠡᠭᠦᠷ᠎ᠲᠤ ᠣᠷᠣᠬᠤ ᠨᠥᠬᠥᠴᠡᠯ ᠪᠠ ᠤᠬᠤᠷᠢᠨ ᠭᠠᠷᠬᠤ ᠳᠦᠷᠢᠮ᠎ᠢ ᠨᠡᠢ᠌ᠭᠡᠮ᠎ᠳᠤ ᠢᠯᠡ᠎ᠪᠠᠷ ᠨᠡᠢ᠌ᠲᠡᠯᠡᠨ᠎ᠡ; ᠬᠢᠨᠠᠯᠲᠠ ᠲᠠᠯᠪᠢᠵᠤ ᠪᠠᠢ᠌ᠴᠠᠭ᠋ᠠᠬᠤ ᠲᠥᠷᠥᠯ ᠵᠦᠢ᠍ᠯ᠂ ᠳᠡᠰ ᠳᠠᠷᠠᠭ᠋ᠠᠯᠠᠯ ᠬᠢᠭᠡᠳ ᠠᠭᠤᠯᠭ᠎ᠠ᠂ ᠵᠠᠷᠯᠢᠭ᠎ᠤᠨ ᠴᠡᠭᠴᠡᠯᠡᠯᠲᠡ᠂ ᠲᠦᠷ ᠵᠣᠭᠰᠣᠭ᠋ᠠᠬᠤ᠂ ᠬᠦᠴᠦᠨ ᠦᠭᠡᠢ ᠪᠣᠯᠭ᠋ᠠᠬᠤ ᠦᠨᠳᠦᠰᠦᠯᠡᠯ᠎ᠢ ᠢᠯᠡ᠎ᠪᠠᠷ ᠨᠡᠢ᠌ᠲᠡᠯᠡᠨ᠎ᠡ; ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠬᠡᠮᠵᠢᠬᠦ ᠲᠠᠸᠠᠷ ᠵᠢᠴᠢ ᠲᠥᠷᠥᠯ ᠵᠦᠢ᠍ᠯ᠂ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠬᠡᠮᠵᠢᠬᠦ ᠶᠠᠪᠤᠴᠠ ᠪᠠ ᠵᠠᠷᠤᠳᠠᠯ ᠬᠤᠷᠢᠶᠠᠬᠤ ᠪᠠᠷᠢᠮᠵᠢᠶ᠎ᠠ ᠵᠢ ᠢᠯᠡ᠎ᠪᠠᠷ ᠨᠡᠢ᠌ᠲᠡᠯᠡᠨ᠎ᠡ᠃ ᠵᠠᠰᠠᠭ ᠵᠠᠬᠢᠷᠭ᠋ᠠᠨ᠎ᠤ ᠬᠠᠷᠢᠴᠠᠩᠭᠤᠢ ᠬᠦᠮᠦᠨ ᠪᠠ ᠦᠢ᠍ᠯᠡᠴᠢᠯᠡᠭᠳᠡᠭᠴᠢ ᠵᠢᠨ ᠪᠠᠢ᠌ᠳᠠᠯ᠎ᠢ ᠮᠡᠳᠡᠬᠦ ᠡᠷᠬᠡ ᠪᠠ   ᠬᠢᠨᠠᠯᠲᠠ ᠲᠠᠯᠪᠢᠬᠤ ᠡᠷᠬᠡ ᠵᠢ ᠪᠠᠲᠤᠯᠠᠨ᠎ᠠ᠃ ᠲᠠᠪᠤ᠎ᠳᠤ᠂ ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠲᠤᠰᠠᠯᠠᠨ᠎ᠠ᠃ 《ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢᠨ ᠲᠥᠯᠥᠪᠵᠢᠭᠦᠯᠭᠡ ᠵᠢᠨ ᠬᠥᠲᠥᠯᠪᠦᠷᠢ (2014 —2020)》  ᠂ 《ᠠᠵᠤ ᠠᠬᠤᠢ ᠵᠢᠨ ᠮᠡᠳᠡᠭᠡ ᠵᠠᠩᠭᠢ ᠵᠢᠨ ᠨᠡᠢ᠌ᠲᠡᠯᠡᠯ᠎ᠤᠨ ᠲᠦᠷ ᠬᠡᠷᠡᠭᠵᠢᠭᠦᠯᠬᠦ ᠳᠦᠷᠢᠮ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠲᠡ ᠵᠢᠨ ᠬᠡᠷᠡᠭᠯᠡᠭᠡᠨ᠎ᠤ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠷᠭ᠎ᠠ》 ᠵᠢᠴᠢ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ᠂ 2016 ᠣᠨ᠎ᠠᠴᠠ ᠠᠵᠤ ᠠᠬᠤᠢ᠌ᠯᠠᠯ᠂ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠡᠷᠭᠡ ᠬᠢᠨᠠᠨ ᠬᠠᠮᠢᠶᠠᠷᠤᠭᠳᠠᠭᠴᠢ ᠵᠢᠨ ᠲᠠᠸᠠᠷ ᠪᠠ ᠦᠢ᠍ᠯᠡᠴᠢᠯᠡᠭᠡᠨ᠎ᠤ ᠶᠠᠰᠤ ᠴᠢᠨᠠᠷ᠎ᠤᠨ ᠮᠡᠳᠡᠭᠡ ᠵᠠᠩᠭᠢ ᠵᠢ ᠨᠡᠢ᠌ᠭᠡᠮ᠎ᠳᠤ   ᠢᠯᠡ᠎ᠪᠠᠷ ᠨᠡᠢ᠌ᠲᠡᠯᠡᠵᠦ᠂ ᠢᠲᠡᠭᠡᠯ᠎ᠢ ᠰᠠᠬᠢᠬᠤ ᠵᠣᠷᠢᠭᠵᠢᠭᠤᠯᠤᠯ᠂ ᠢᠲᠡᠭᠡᠯ ᠠᠯᠳᠠᠭᠰᠠᠳ᠎ᠢ ᠵᠠᠯᠬᠠᠭ᠋ᠠᠨ ᠲᠣᠷᠭ᠋ᠠᠬᠤ ᠲᠣᠭᠲᠠᠴᠠ᠂ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠮᠵᠢ ᠵᠢᠨ ᠳᠠᠩᠰᠠᠨ ᠡᠪᠬᠡᠮᠡᠯ᠎ᠢ ᠪᠠᠢ᠌ᠭᠤᠯᠵᠤ᠂ ᠢᠲᠡᠭᠡᠮᠵᠢ ᠵᠢ ᠰᠦᠪᠡᠭᠴᠢᠯᠡᠬᠦ   ᠮᠡᠲᠦ ᠳᠡᠰ ᠢᠯᠭ᠋ᠠᠭᠰᠠᠨ ᠬᠠᠮᠢᠶᠠᠷᠤᠯᠲᠠ ᠵᠢ ᠪᠠᠢ᠌ᠭᠤᠯᠤᠨ᠎ᠠ᠃ ᠲᠤᠰᠢᠶᠠᠯ ᠬᠡᠷᠡᠭᠵᠢᠭᠦᠯᠵᠦ ᠪᠠᠢ᠌ᠭ᠎ᠠ ᠶᠠᠪᠤᠴᠠ᠎ᠳᠤ ᠭᠠᠷᠤᠭᠰᠠᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠤᠪᠢᠷᠠᠯᠲᠠ᠂ ᠦᠷᠭᠦᠯᠵᠢᠯᠡᠭᠰᠡᠨ ᠮᠡᠳᠡᠭᠡ ᠵᠠᠩᠭᠢ ᠪᠠ ᠵᠠᠰᠠᠭ ᠵᠠᠬᠢᠷᠭ᠋ᠠᠨ᠎ᠤ ᠲᠣᠷᠭ᠋ᠠᠭᠤᠯᠢ ᠰᠢᠳᠬᠡᠯᠲᠡ ᠵᠢᠨ ᠮᠡᠳᠡᠭᠡ ᠵᠠᠩᠭᠢ ᠵᠢ ᠴᠠᠭ ᠲᠤᠬᠠᠢ᠎ᠳᠤᠨᠢ ᠳᠠᠩᠰᠠᠯᠠᠨ ᠣᠷᠣᠭᠤᠯᠵᠤ᠂ 《ᠬᠠᠤᠯᠢ ᠵᠢ ᠰᠠᠬᠢᠨ᠂ ᠦᠨᠡᠨᠴᠢ ᠢᠲᠡᠭᠡᠮᠵᠢᠲᠡᠢ》 ᠠᠵᠤ ᠠᠬᠤᠢ᠌ᠯᠠᠯ ᠵᠢᠴᠢ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠨᠡᠢ᠌ᠲᠡᠯᠡᠵᠦ᠂ ᠨᠡᠢ᠌ᠭᠡᠮ᠎ᠤᠨ ᠬᠢᠨᠠᠯᠲᠠ ᠲᠠᠯᠪᠢᠬᠤ᠎ᠳᠤ ᠳᠦᠭᠦᠮ ᠦᠵᠡᠭᠦᠯᠵᠦ᠂ ᠠᠵᠤ ᠠᠬᠤᠢ᠌ᠯᠠᠯ ᠪᠠ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠵᠥᠪ ᠡᠨᠧᠷᠭᠢ ᠵᠢ ᠬᠥᠭᠵᠢᠭᠦᠯᠵᠦ᠂ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠲᠦᠯᠬᠢᠨ ᠠᠬᠢᠭᠤᠯᠤᠨ᠎ᠠ᠃
      ᠬᠥᠲᠥᠯᠥᠭᠴᠢ᠄
      ᠵᠠ  !   ᠹᠸᠩ ᠲᠣᠪᠴᠢᠶᠠᠨ ᠳᠠᠷᠤᠭ᠎ᠠ ᠵᠢᠨ ᠨᠠᠷᠢᠨ ᠲᠠᠢ᠌ᠯᠤᠮᠵᠢ᠎ᠳᠤ ᠲᠠᠯᠠᠷᠬᠠᠯ᠎ᠠ᠂ ᠮᠠᠨ᠎ᠤ ᠣᠷᠣᠨ᠎ᠤ ᠶᠠᠰᠤ ᠴᠢᠨᠠᠷ᠎ᠤᠨ ᠬᠢᠨᠠᠯᠲᠠ ᠲᠠᠯᠪᠢᠬᠤ ᠰᠢᠨ᠎ᠡ ᠨᠢᠭᠡᠨ ᠳᠡᠭᠲᠡᠷ᠎ᠲᠤ ᠭᠠᠷᠬᠤ ᠵᠢ ᠡᠨᠳᠡ ᠴᠢᠩ ᠰᠡᠳᠬᠢᠯ᠎ᠠᠴᠠ᠎ᠪᠠᠨ ᠵᠦᠩᠨᠡᠶ᠎ᠡ᠃ ᠦᠷᠭᠡᠨ ᠤᠯᠠᠨ ᠰᠦᠯᠵᠢᠶᠡᠨ ᠠᠨᠳᠠ ᠨᠠᠷ᠎ᠲᠤ ᠲᠠᠯᠠᠷᠬᠠᠯ᠎ᠠ᠂ ᠲᠤᠰ ᠤᠳᠠᠭ᠋ᠠᠨ᠎ᠤ ᠰᠤᠷᠪᠤᠯᠵᠢᠯᠠᠭ᠎ᠠ ᠶᠠᠷᠢᠯᠴᠠᠭ᠎ᠠ ᠡᠨᠳᠡ ᠬᠦᠷᠦᠭᠡᠳ ᠲᠡᠭᠦᠰᠦᠯ᠎ᠡ᠂ ᠳᠠᠷᠠᠭ᠋ᠠᠴᠢ ᠵᠢᠨ ᠳ᠋ᠤᠭ᠋ᠠᠷ᠎ᠲᠤ᠎ᠪᠠᠨ ᠪᠠᠶᠠᠷᠲᠠᠢ ᠠᠭᠤᠯᠵᠠᠶ᠎ᠠ  !


ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠮᠠᠨ᠎ᠤ ᠤᠷᠤᠨ᠎ᠤ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠦᠨ᠎ᠡ ᠬᠠᠩᠰᠢ ᠵᠢᠨ ᠵᠢᠷᠤᠮᠵᠢᠯ ᠪᠠ ᠲᠣᠬᠢᠷᠠᠭᠤᠯᠤᠯᠲᠠ ᠵᠢᠨ ᠪᠠᠢ᠌ᠳᠠᠯ᠎ᠤᠨ ᠲᠠᠢ᠌ᠯᠤᠮᠵᠢ
ᠥᠪᠥᠷ ᠮᠣᠩᠭᠣᠯ᠎ᠤᠨ ᠡᠭᠦᠯᠡᠨ ᠪᠣᠳᠣᠯᠲᠠ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠤᠨ ᠲᠠᠢ᠌ᠯᠤᠮᠵᠢ
ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡᠪᠡᠷ ᠠᠪᠴᠤ ᠠᠮᠢ ᠠᠬᠤᠶ ᠵᠢᠨ ᠰᠠᠭᠤᠷᠢᠰᠢᠬᠤ᠎ᠳᠤ ᠲᠣᠬᠢᠷᠠᠮᠵᠢᠲᠠᠶ ᠰᠠᠶ᠋ᠢᠬᠠᠨ ᠬᠣᠲᠠ ᠵᠢ ᠴᠣᠭᠴᠠᠯᠠᠵᠤ ᠪᠤᠢ
ᠪᠣᠬᠢᠷᠲᠤᠯ ᠦᠭᠡᠢ ᠬᠥᠭᠵᠢᠭᠦᠯᠬᠦ ᠣᠨᠣᠯᠵᠢᠬᠤᠨ᠎ᠢ ᠲᠤᠤᠱᠯᠠᠭᠤᠯᠵᠤ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠠᠵᠢᠯ᠎ᠢ ᠲᠦᠯᠬᠢᠨ ᠠᠬᠢᠭᠤᠯᠤᠶ᠎ᠠ
ᠨᠡᠭᠦᠷᠡᠰᠦᠨ ᠦᠢ᠍ᠯᠡᠳᠪᠦᠷᠢᠯᠡᠯ᠎ᠤᠨ ᠦᠯᠡᠬᠦᠦ ᠴᠢᠳᠠᠪᠤᠷᠢ ᠵᠢ ᠴᠢᠷᠮᠠᠶ᠋ᠢᠨ ᠦᠭᠡᠢ᠌ᠰᠬᠡᠵᠦ ᠨᠡᠭᠦᠷᠡᠰᠦᠨ᠎ᠤ ᠠᠵᠤ ᠦᠢ᠍ᠯᠡᠳᠪᠦᠷᠢ ᠵᠢᠨ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠬᠢᠭᠤᠯᠤᠶ᠎ᠠ
 
            