ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠥᠪᠥᠷ ᠮᠣᠩᠭᠣᠯ᠎ᠤᠨ ᠡᠭᠦᠯᠡᠨ ᠪᠣᠳᠣᠯᠲᠠ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠤᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2016-02-18

      ᠰᠤᠷᠪᠤᠯᠵᠢᠯᠠᠭᠰᠠᠨ ᠴᠠᠭ᠄
     2016 ᠣᠨ᠎ᠤ1 ᠳ᠋ᠦ᠍ᠭᠡᠷ ᠰᠠᠷ᠎ᠠ ᠵᠢᠨ 25᠎ᠤ ᠡᠳᠦᠷ᠎ᠤᠨ ᠦᠳᠡ ᠵᠢᠨ ᠬᠣᠶ᠋ᠢᠨᠠᠬᠢ 3 ᠴᠠᠭ᠎ᠲᠤ
      ᠰᠤᠷᠪᠤᠯᠵᠢᠯᠠᠭᠰᠠᠨ ᠵᠣᠴᠢᠨ᠄
      ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠭᠢᠯᠡᠭᠴᠢ   ᠸᠸᠢ ᠰᠢᠶᠤᠤ ᠮᠢᠩ
      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄

      ᠲᠣᠮᠤ ᠬᠡᠯᠪᠡᠷᠢ ᠵᠢᠨ ᠺᠣᠮᠫᠢᠦ᠋ᠲ᠋ᠧᠷ᠂ ᠬᠤᠪᠢ ᠬᠥᠮᠥᠨ᠎ᠤ ᠺᠣᠮᠫᠢᠦ᠋ᠲ᠋ᠧᠷ᠂ ᠢᠨᠲᠸᠷ ᠰᠦᠯᠵᠢᠶᠡᠨ ᠎ᠤ ᠳᠠᠷᠠᠭ᠎ᠠ᠂ ᠡᠭᠦᠯᠡᠨ ᠪᠤᠳᠤᠯᠳᠠ᠎ᠨᠢ ᠤᠳᠤ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ ᠬᠦᠷᠢᠶᠡᠨ᠎ᠳᠠᠬᠢ ᠪᠠᠰᠠ ᠨᠢᠭᠡᠨ ᠴᠠᠭ ᠦᠶ᠎ᠡ ᠵᠢ ᠵᠠᠭ᠋ᠠᠭᠯᠠᠭᠰᠠᠨ ᠪᠡᠯᠭᠡ ᠲᠡᠮᠳᠡᠭ ᠪᠣᠯᠬᠤ ᠪᠦᠲᠦᠭᠡᠭᠳᠡᠬᠦᠨ ᠪᠣᠯᠣᠭᠰᠠᠨ᠎ᠤ ᠬᠤᠪᠢ᠎ᠳᠤ᠂ ᠨᠢᠭᠡᠨᠲᠡ ᠣᠳᠣᠬᠢ ᠮᠡᠳᠡᠭᠡ ᠵᠠᠩᠭᠢ ᠵᠢᠨ ᠮᠡᠷᠭᠡᠵᠢᠯ᠎ᠤᠨ ᠠᠵᠤ ᠦᠢ᠍ᠯᠡᠰ᠎ᠤᠨ ᠬᠥᠭᠵᠢᠯᠲᠡ ᠪᠣᠯᠤᠨ ᠬᠡᠷᠡᠭᠯᠡᠭᠡᠨ᠎ᠤ ᠰᠢᠨ᠎ᠡ ᠵᠢ ᠡᠭᠦᠳᠬᠦ ᠬᠠᠯᠠᠮᠰᠢᠯ ᠠᠰᠠᠭᠤᠳᠠᠯ ᠪᠣᠯᠵᠤ᠂   ᠳᠥᠷᠪᠡᠳᠦᠭᠡᠷ ᠤᠳᠠᠭ᠋ᠠᠨ᠎ᠤ ᠮᠡᠳᠡᠭᠡ ᠵᠠᠩᠭᠢᠵᠢᠯᠲᠠ ᠵᠢᠨ ᠬᠤᠪᠢᠰᠬᠠᠯ᠎ᠤᠨ ᠬᠣᠷᠢᠭᠯᠠᠭᠳᠠᠰᠢ ᠦᠭᠡᠢ ᠳᠠᠪᠠᠯᠭ᠋ᠠᠨ᠎ᠢ ᠪᠣᠢ ᠪᠣᠯᠭ᠋ᠠᠵᠤ᠂ ᠳᠡᠯᠡᠭᠡᠢ ᠳᠠᠶᠠᠭ᠋ᠠᠷ᠂ ᠤᠯᠤᠰ᠎ᠤᠨ ᠳᠣᠲᠣᠭ᠋ᠠᠳᠤ᠎ᠳᠤ ᠴᠥᠮ ᠡᠭᠦᠯᠡᠨ ᠪᠣᠳᠣᠯᠲᠠ ᠵᠢ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ ᠪᠣᠯᠭ᠋ᠠᠪᠠ᠃ ᠮᠠᠨ᠎ᠤ ᠣᠷᠣᠨ᠎ᠤ ᠡᠭᠦᠯᠡᠨ ᠪᠤᠳᠤᠯᠳᠠ ᠵᠢᠨ ᠠᠵᠤ ᠦᠢ᠍ᠯᠡᠰ᠎ᠤᠨ ᠬᠥᠭᠵᠢᠯᠲᠡ ᠵᠢ ᠨᠠᠷᠢᠨ ᠣᠢ᠌ᠯᠠᠭ᠋ᠠᠬᠤ ᠵᠢᠨ ᠲᠥᠯᠥᠭᠡ᠂ ᠣᠶ᠋ᠢᠷ᠎ᠠ᠎ᠳᠤ᠂ ᠪᠢᠳᠡ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠭᠢᠯᠡᠭᠴᠢ   ᠸᠸᠢ ᠰᠢᠶᠤᠤ ᠮᠢᠩ᠎ᠢ 《ᠳᠤᠮᠳᠠᠳᠤ ᠤᠯᠤᠰ· ᠥᠪᠥᠷ ᠮᠣᠩᠭᠣᠯ》 ᠰᠦᠯᠵᠢᠶᠡᠨ᠎ᠳᠤ ᠤᠷᠢᠬᠤ᠎ᠪᠠᠷ ᠪᠠᠢ᠌ᠨ᠎ᠠ᠂ ᠲᠤᠬᠠᠶ ᠵᠢᠨ ᠴᠠᠭ᠎ᠲᠤ᠂ ᠥᠷᠭᠡᠨ ᠣᠯᠠᠨ ᠰᠦᠯᠵᠢᠶᠡᠨ ᠠᠨᠳᠠ ᠨᠠᠷ᠎ᠤᠨ ᠢᠳᠡᠪᠬᠢᠲᠡᠶ   ᠣᠷᠣᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ!


                ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ᠄
      ᠬᠥᠲᠥᠯᠥᠭᠴᠢ᠄
      ᠰᠦᠯᠵᠢᠶᠡᠨ ᠠᠨᠳᠠ ᠨᠠᠷ ᠮᠢᠨᠢ ᠰᠠᠢ᠌ᠨ ᠪᠠᠢ᠌ᠨ᠎ᠠ ᠤᠤ! ᠲᠣᠰ ᠬᠤᠭᠤᠴᠠᠭ᠋ᠠᠨ᠎ᠤ 《ᠳᠤᠮᠳᠠᠳᠤ ᠤᠯᠤᠰ· ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢᠨ ᠪᠤᠯᠤᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳᠠ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠭᠢᠯᠡᠭᠴᠢ ᠸᠸᠢ ᠰᠢᠶᠤᠤ ᠮᠢᠩ᠎ᠢ ᠤᠷᠢᠵᠤ᠂ ᠥᠪᠥᠷ ᠮᠣᠩᠭᠣᠯ᠎ᠤᠨ ᠡᠭᠦᠯᠡᠨ ᠪᠣᠳᠣᠯᠲᠠ ᠵᠢᠨ ᠠᠵᠤ ᠦᠢ᠍ᠯᠡᠰ᠎ᠤᠨ ᠬᠦᠭᠵᠢᠯᠲᠡ ᠵᠢᠨ ᠪᠠᠶ᠋ᠢᠳᠠᠯ᠎ᠢ ᠮᠠᠨ᠎ᠳᠤ ᠲᠠᠢ᠌ᠯᠤᠮᠵᠢ ᠬᠢᠯᠭᠡᠬᠦ᠎ᠪᠠᠷ ᠪᠤᠢ᠃ ᠸᠧᠶ ᠡᠷᠬᠢᠯᠡᠭᠴᠢ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
      ᠸᠸᠢ ᠰᠢᠶᠤᠤ ᠮᠢᠩ᠄
      ᠬᠥᠲᠥᠯᠥᠭᠴᠢ ᠰᠠᠢ᠍ᠢ᠍ᠨ ᠤᠤ᠂ ᠰᠦᠯᠵᠢᠶᠡᠨ ᠠᠨᠳᠠ ᠨᠠᠷ ᠰᠠᠢ᠌ᠨ ᠪᠠᠢ᠌ᠨ᠎ᠠ ᠤᠤ!
      ᠬᠥᠲᠥᠯᠥᠭᠴᠢ᠄
      ᠸᠧᠶ ᠡᠷᠬᠢᠯᠡᠭᠴᠢ᠂ ᠲᠣᠮᠤ ᠬᠡᠯᠪᠡᠷᠢ ᠵᠢᠨ ᠺᠣᠮᠫᠢᠦ᠋ᠲ᠋ᠧᠷ᠂ ᠬᠤᠪᠢ ᠬᠥᠮᠥᠨ᠎ᠤ ᠺᠣᠮᠫᠢᠦ᠋ᠲ᠋ᠧᠷ᠂ ᠢᠨᠲᠸᠷ ᠰᠦᠯᠵᠢᠶᠡᠨ ᠎ᠤ ᠳᠠᠷᠠᠭ᠎ᠠ᠂ ᠡᠭᠦᠯᠡᠨ ᠪᠤᠳᠤᠯᠳᠠ᠎ᠨᠢ ᠤᠳᠤ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ ᠬᠦᠷᠢᠶᠡᠨ᠎ᠳᠠᠬᠢ ᠪᠠᠰᠠ ᠨᠢᠭᠡᠨ ᠴᠠᠭ ᠦᠶ᠎ᠡ ᠵᠢ ᠵᠠᠭ᠋ᠠᠭᠯᠠᠭᠰᠠᠨ ᠪᠡᠯᠭᠡ ᠲᠡᠮᠳᠡᠭ ᠪᠣᠯᠬᠤ ᠪᠦᠲᠦᠭᠡᠭᠳᠡᠬᠦᠨ ᠪᠣᠯᠣᠭᠰᠠᠨ᠎ᠤ ᠬᠤᠪᠢ᠎ᠳᠤ᠂ ᠨᠢᠭᠡᠨᠲᠡ ᠣᠳᠣᠬᠢ ᠮᠡᠳᠡᠭᠡ ᠵᠠᠩᠭᠢ ᠵᠢᠨ ᠮᠡᠷᠭᠡᠵᠢᠯ᠎ᠤᠨ ᠠᠵᠤ ᠦᠢ᠍ᠯᠡᠰ᠎ᠤᠨ ᠬᠥᠭᠵᠢᠯᠲᠡ ᠪᠣᠯᠤᠨ ᠬᠡᠷᠡᠭᠯᠡᠭᠡᠨ᠎ᠤ ᠰᠢᠨ᠎ᠡ ᠵᠢ ᠡᠭᠦᠳᠬᠦ ᠬᠠᠯᠠᠮᠰᠢᠯ ᠠᠰᠠᠭᠤᠳᠠᠯ ᠪᠣᠯᠵᠤ᠂ ᠳᠥᠷᠪᠡᠳᠦᠭᠡᠷ ᠤᠳᠠᠭ᠋ᠠᠨ᠎ᠤ ᠮᠡᠳᠡᠭᠡ ᠵᠠᠩᠭᠢᠵᠢᠯᠲᠠ ᠵᠢᠨ ᠬᠤᠪᠢᠰᠬᠠᠯ᠎ᠤᠨ ᠬᠣᠷᠢᠭᠯᠠᠭᠳᠠᠰᠢ ᠦᠭᠡᠢ ᠳᠠᠪᠠᠯᠭ᠋ᠠᠨ᠎ᠢ ᠪᠣᠢ ᠪᠣᠯᠭ᠋ᠠᠵᠤ᠂ ᠳᠡᠯᠡᠭᠡᠢ ᠳᠠᠶᠠᠭ᠋ᠠᠷ᠂ ᠤᠯᠤᠰ᠎ᠤᠨ ᠳᠣᠲᠣᠭ᠋ᠠᠳᠤ᠎ᠳᠤ ᠴᠥᠮ ᠡᠭᠦᠯᠡᠨ ᠪᠣᠳᠣᠯᠲᠠ ᠵᠢ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ ᠪᠣᠯᠭ᠋ᠠᠵᠤ᠂ ᠶᠠᠭ ᠳᠣᠭᠰᠢᠨ ᠰᠠᠯᠬᠢ ᠰᠢᠷᠦᠭᠦᠨ ᠪᠣᠷᠣᠭ᠋ᠠᠨ ᠮᠡᠲᠦ ᠬᠦᠭᠵᠢᠵᠦ ᠪᠠᠢ᠌ᠨ᠎ᠠ᠂ ᠲᠡᠭᠡᠪᠡᠯ ᠥᠪᠥᠷ ᠮᠣᠩᠭᠣᠯ᠎ᠤᠨ ᠡᠭᠦᠯᠡᠨ ᠪᠣᠳᠣᠯᠲᠠ ᠵᠢᠨ ᠠᠵᠤ ᠦᠢ᠍ᠯᠡᠰ᠎ᠤᠨ ᠬᠦᠭᠵᠢᠯᠲᠡ ᠵᠢᠨ ᠪᠠᠢ᠌ᠳᠠᠯ ᠶᠠᠮᠠᠷ ᠰᠢᠤ ᠪᠤᠢ?
      ᠸᠸᠢ ᠰᠢᠶᠤᠤ ᠮᠢᠩ᠄
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠡᠭᠦᠯᠡᠨ ᠪᠣᠳᠣᠯᠲᠠ ᠵᠢᠨ ᠠᠵᠤ ᠦᠢ᠍ᠯᠡᠰ᠎ᠤᠨ ᠬᠦᠭᠵᠢᠯᠲᠡ ᠵᠢ ᠮᠠᠰᠢ ᠬᠦᠨᠳᠦᠳᠬᠡᠨ ᠦᠵᠡᠵᠦ᠂ ᠡᠭᠦᠯᠡᠨ ᠪᠤᠳᠤᠯᠳᠠ ᠵᠢᠨ ᠠᠵᠤ ᠦᠢ᠍ᠯᠡᠰ᠎ᠢ ᠮᠠᠨ᠎ᠤ ᠣᠷᠣᠨ᠎ᠤ ᠠᠵᠤ ᠦᠢ᠍ᠯᠡᠰ᠎ᠤᠨ ᠪᠦᠲᠦᠴᠡ ᠵᠢᠨ ᠲᠤᠬᠢᠷᠠᠭᠤᠯᠤᠯᠳᠠ ᠪᠣᠯᠤᠨ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠴᠢᠬᠤᠯᠠ   ᠭᠠᠷᠳᠠᠴᠠ ᠪᠣᠯᠭ᠋ᠠᠵᠤ᠂ 2011 ᠣᠨ᠎ᠳᠤ ᠡᠭᠦᠯᠡᠨ ᠪᠣᠳᠣᠯᠲᠠ ᠵᠢᠨ ᠠᠵᠤ ᠦᠢ᠍ᠯᠡᠰ᠎ᠢ ᠶᠡᠬᠡᠪᠡᠷ ᠬᠥᠭᠵᠢᠭᠦᠯᠬᠦ ᠪᠠᠶ᠋ᠢᠯᠳᠤᠬᠤ ᠪᠤᠳᠤᠯᠭ᠎ᠠ ᠵᠢᠨ ᠰᠢᠢ᠍ᠳᠪᠦᠷᠢᠲᠦ ᠪᠤᠳᠤᠯᠭ᠎ᠠ ᠪᠣᠯᠭ᠋ᠠᠨ᠂ ᠤᠷᠢᠳ ᠬᠣᠵᠢᠳ 《ᠥᠪᠡᠷᠲᠡᠭᠡᠨ ᠵᠠᠰᠠᠬᠤ ᠣᠷᠣᠨ ᠎ᠤ ᠡᠭᠦᠯᠡᠨ ᠪᠤᠳᠤᠯᠳᠠ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ (2011 — 2020)》᠂ 《ᠥᠪᠡᠷᠲᠡᠭᠡᠨ ᠵᠠᠰᠠᠬᠤ ᠣᠷᠣᠨ ᠎ᠤ ᠡᠭᠦᠯᠡᠨ ᠪᠣᠳᠣᠯᠲᠠ ᠵᠢᠨ ᠭᠡᠷᠡᠯᠯᠢᠭ ᠳᠡᠭᠡᠰᠦᠨ ᠲᠣᠣᠷ ᠰᠦᠯᠵᠢᠶ᠎ᠡ ᠵᠢᠨ ᠬᠦᠭᠵᠢᠯᠲᠡ ᠵᠢᠨ ᠲᠥᠯᠥᠪᠵᠢᠭᠦᠯᠭᠡ》 ᠵᠢᠴᠢ ᠬᠠᠮᠢᠶ᠎ᠠ ᠪᠥᠬᠥᠢ ᠲᠥᠷᠥ ᠵᠢᠨ ᠪᠤᠳᠤᠯᠭ᠎ᠠ ᠠᠷᠭ᠎ᠠ ᠬᠡᠮᠵᠢᠶ᠎ᠡ᠎ᠨᠦᠭᠦᠳ᠎ᠢ ᠲᠣᠭᠲᠠᠭ᠋ᠠᠪᠠ᠃ ᠳᠤᠮᠳᠠᠳᠤ ᠤᠯᠤᠰ᠎ᠤᠨ ᠴᠠᠬᠢᠯᠭ᠋ᠠᠨ ᠬᠣᠯᠪᠣᠭ᠎ᠠ᠂ ᠳᠤᠮᠳᠠᠳᠤ ᠤᠯᠤᠰ᠎ᠤᠨ ᠰᠢᠯᠵᠢᠮᠡᠯ ᠬᠣᠯᠪᠣᠭ᠎ᠠ᠂ ᠳᠤᠮᠳᠠᠳᠤ ᠤᠯᠤᠰ᠎ᠤᠨ ᠨᠢᠭᠡᠳᠦᠮᠡᠯ ᠬᠣᠯᠪᠣᠭ᠎ᠠ᠂ ᠵᠦᠩ ᠰᠢᠩ ᠡᠨᠧᠷᠭᠢ ᠵᠡᠷᠭᠡ ᠨᠢᠭᠡ ᠪᠦᠯᠦᠭ ᠲᠣᠮᠣ ᠬᠡᠯᠪᠡᠷᠢ ᠵᠢᠨ ᠡᠭᠦᠯᠡᠨ ᠪᠤᠳᠤᠯᠳᠠ ᠵᠢᠨ ᠳ᠋ᠠᠢ᠌ᠲ᠋ᠠ ᠲᠥᠪ᠎ᠨᠢ ᠤᠲᠤ ᠨᠢᠭᠡᠨᠲᠡ ᠪᠠᠢ᠌ᠭᠤᠯᠤᠭᠳᠠᠨ ᠠᠵᠢᠯᠯᠠᠵᠤ᠂ ᠬᠥᠬᠡᠬᠣᠲᠠ᠎ᠪᠠᠷ   ᠲᠥᠪ ᠪᠣᠯᠭ᠋ᠠᠭᠰᠠᠨ ᠡᠭᠦᠯᠡᠨ ᠪᠤᠳᠤᠯᠳᠠ ᠵᠢᠨ ᠳ᠋ᠠᠢ᠌ᠲ᠋ᠠ ᠲᠥᠪ᠎ᠤᠨ ᠰᠠᠭᠤᠷᠢᠨ ᠭᠠᠵᠠᠷ᠎ᠢ ᠪᠦᠷᠢᠯᠳᠦᠭᠦᠯᠵᠦ᠂ ᠵᠢᠯ᠎ᠤᠨ ᠡᠴᠦᠰ᠎ᠲᠤ ᠦᠢ᠍ᠯᠡᠴᠢᠯᠡᠭᠦᠷ᠎ᠤᠨ ᠮᠠᠰᠢᠨ ᠴᠣᠭᠴᠠᠯᠠᠪᠤᠷᠢ ᠵᠢᠨ ᠴᠢᠳᠠᠪᠤᠷᠢ᠎ᠨᠢ 70 ᠲᠦᠮᠡ᠎ᠳᠤ ᠬᠦᠷᠴᠦ᠂ ᠪᠦᠬᠦ ᠤᠯᠤᠰ᠎ᠤᠨ ᠲᠡᠷᠢᠭᠦᠨ᠎ᠳᠤ ᠣᠷᠣᠪᠠ; ᠳᠤᠮᠳᠠᠳᠤ ᠮᠣᠩᠭᠣᠯ ᠣᠷᠣᠰ ᠤᠯᠤᠰ᠎ᠤᠨ ᠬᠣᠭᠤᠷᠤᠨᠳᠤᠬᠢ ᠭᠡᠷᠡᠯᠯᠢᠭ ᠳᠡᠭᠡᠰᠦ᠂ ᠬᠥᠬᠡᠬᠣᠲᠠ᠎ᠠᠴᠠ ᠪᠡᠭᠡᠵᠢᠩ᠎ᠳᠤ ᠰᠢᠭᠤᠳ ᠨᠡᠪᠲᠡᠷᠡᠬᠦ ᠭᠡᠷᠡᠯᠯᠢᠭ ᠳᠡᠭᠡᠰᠦ 4 ᠵᠢ ᠪᠠᠢ᠌ᠭᠤᠯᠵᠤ᠂ ᠤᠯᠠᠨ ᠤᠯᠤᠰ᠎ᠤᠨ ᠬᠤᠭᠤᠷᠤᠨᠳᠤ᠂ ᠤᠯᠤᠰ᠎ᠤᠨ ᠳᠣᠲᠣᠭ᠋ᠠᠳᠤ᠎ᠳᠤ ᠨᠡᠪᠲᠡᠷᠡᠬᠦ ᠳᠡᠭᠡᠳᠦ ᠬᠤᠷᠳᠤᠴᠠ ᠵᠢᠨ ᠥᠷᠭᠡᠨ ᠪᠦᠰᠡᠲᠦ ᠰᠦᠯᠵᠢᠶ᠎ᠡ ᠵᠢ ᠪᠦᠷᠢᠯᠳᠦᠭᠦᠯᠪᠡ᠂ ᠤᠯᠤᠰ᠎ᠠᠴᠠ ᠨᠢᠭᠡᠨᠲᠡ ᠬᠥᠬᠡᠬᠣᠲᠠ ᠵᠢ ᠣᠯᠠᠨ ᠤᠯᠤᠰ᠎ᠤᠨ ᠴᠢᠮᠡᠭᠡ ᠨᠡᠪᠲᠡᠷᠡᠯᠴᠡᠭᠡ ᠵᠢᠨ ᠲᠣᠬᠠᠢ᠌ᠯᠠᠭᠰᠠᠨ ᠠᠵᠢᠯ᠎ᠤᠨ ᠣᠷᠣᠵᠤ ᠭᠠᠷᠬᠤ ᠭᠠᠵᠠᠷ ᠎ᠤᠨ ᠲᠣᠪᠴᠢᠶ᠎ᠠ ᠪᠣᠯᠬᠤ ᠵᠢ ᠴᠤᠬᠤᠯᠠᠪᠤᠷᠢᠯᠠᠵᠤ᠂ ᠣᠳᠣ ᠶᠠᠭ ᠤᠯᠤᠰ᠎ᠠᠴᠠ ᠬᠥᠬᠡᠬᠣᠲᠠ᠎ᠳᠤ ᠢᠨᠲᠸᠷ ᠰᠦᠯᠵᠢᠶᠡᠨ᠎ᠤ ᠰᠢᠭᠤᠳ ᠬᠣᠯᠪᠣᠭ᠎ᠠ ᠠᠪᠬᠤ ᠭᠣᠣᠯᠯᠠᠬᠤ ᠴᠢᠭ᠋ ᠨᠡᠮᠡᠵᠦ ᠪᠠᠶ᠋ᠢᠭᠤᠯᠬᠤ᠎ᠪᠠᠷ ᠭᠤᠶᠤᠴᠢᠯᠠᠵᠤ ᠪᠤᠢ᠂ ᠡᠳᠡᠭᠡᠷ᠎ᠨᠢ ᠴᠥᠮ ᠡᠭᠦᠯᠡᠨ ᠪᠣᠳᠣᠯᠲᠠ ᠵᠢᠨ ᠠᠵᠤ ᠦᠢ᠍ᠯᠡᠰ᠎ᠤᠨ ᠬᠦᠭᠵᠢᠯᠲᠡ᠎ᠳᠤ ᠪᠠᠲᠤ ᠪᠡᠬᠢ ᠰᠠᠭᠤᠷᠢ ᠲᠠᠯᠪᠢᠵᠤ ᠥᠭᠭᠦᠭᠰᠡᠨ ᠪᠠᠶ᠋ᠢᠨ᠎ᠠ᠃
      ᠸᠸᠢ ᠰᠢᠶᠤᠤ ᠮᠢᠩ᠄
      ᠡᠭᠦᠯᠡᠨ ᠪᠤᠳᠤᠯᠳᠠ ᠵᠢᠨ ᠰᠠᠭᠤᠷᠢ ᠪᠡᠯᠡᠳᠬᠡᠮᠵᠢ ᠵᠢ ᠲᠥᠷᠭᠡᠨ ᠪᠦᠳᠦᠬᠡᠨ ᠪᠠᠢ᠌ᠭᠤᠯᠬᠤ ᠵᠢᠨ ᠬᠠᠮᠲᠤ᠂ ᠡᠭᠦᠯᠡᠨ ᠪᠣᠳᠣᠯᠲᠠ ᠵᠢᠨ ᠬᠡᠷᠡᠭᠯᠡᠭᠡᠨ᠎ᠤ ᠰᠢᠨ᠎ᠡ ᠵᠢ ᠡᠭᠦᠳᠬᠦ ᠵᠢ ᠢᠳᠡᠪᠬᠢᠲᠡᠢ ᠲᠦᠯᠬᠢᠨ ᠠᠬᠢᠭᠤᠯᠵᠤ᠂ 《ᠥᠪᠥᠷ ᠮᠣᠩᠭᠣᠯ᠎ᠤᠨ ᠡᠭᠦᠯᠡᠨ ᠪᠤᠳᠤᠯᠳᠠ ᠵᠢᠨ ᠰᠢᠨ᠎ᠡ ᠵᠢ ᠡᠭᠦᠳᠬᠦ ᠬᠥᠭᠵᠢᠯᠲᠡ ᠵᠢᠨ ᠠᠵᠢᠯᠯᠠᠭ᠋ᠠᠨ᠎ᠤ   ᠲᠥᠰᠥᠯ》᠂ 《 〈ᠢᠨᠲᠸᠷ ᠰᠦᠯᠵᠢᠶ᠎ᠡ +〉 ᠠᠵᠢᠯ᠎ᠢ ᠲᠦᠷᠭᠡᠨ ᠠᠬᠢᠭᠤᠯᠬᠤ ᠲᠤᠬᠠᠶ ᠵᠢᠯᠣᠭᠣᠳᠬᠤ ᠰᠠᠨᠠᠯ》 ᠵᠡᠷᠭᠡ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠠ ᠯᠢ ᠪᠠ ᠪᠠ᠂ ᠲᠸᠩ ᠰᠢᠶᠦ᠋ᠨ᠂ ᠪᠠᠶ ᠳ᠋ᠦ᠋᠂ ᠱᠦ᠍ ᠭᠤᠸᠠᠩ᠂ ᠰᠸᠤ ᠭ᠋ᠸᠦ᠂ ᠬᠤᠸᠠ ᠸᠧᠶ᠂ ᠯᠠᠩ ᠴᠤᠤ᠂ ᠳᠤᠮᠳᠠᠳᠤ ᠤᠯᠤᠰ᠎ᠤᠨ ᠬᠤᠸᠠ ᠯᠦ᠍᠂ IBM ᠵᠡᠷᠭᠡ ᠨᠢᠭᠡ ᠪᠦᠯᠦᠭ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠬᠤᠳᠠᠯᠳᠤᠭ᠋ᠠᠴᠢᠳ᠎ᠢ ᠣᠷᠣᠭᠤᠯᠤᠨ ᠠᠪᠴᠢᠷᠠᠵᠤ᠂ ᠡᠭᠦᠯᠡᠨ ᠪᠣᠳᠣᠯᠳᠠ᠂ ᠲᠣᠮᠣ ᠳ᠋ᠠᠶ᠋ᠢᠲ᠋ᠠ᠂   ᠪᠤᠳᠠᠰᠯᠢᠭ ᠬᠣᠯᠪᠣᠭ᠋ᠠᠲᠤ ᠰᠦᠯᠵᠢᠶ᠎ᠡ᠂ 《ᠢᠨᠲᠸᠷ ᠰᠦᠯᠵᠢᠶ᠎ᠡ +》 ᠵᠡᠷᠭᠡ ᠠᠵᠤ ᠦᠢ᠍ᠯᠡᠰ ᠶᠠᠭ ᠲᠥᠷᠭᠡᠨ ᠬᠦᠭᠵᠢᠵᠦ᠂ ᠥᠪᠥᠷ ᠮᠣᠩᠭᠣᠯ᠎ᠤᠨ ᠡᠯᠸᠺᠲᠷᠤᠨ ᠵᠠᠰᠠᠭ᠎ᠤᠨ ᠶᠠᠪᠤᠳᠠᠯ᠎ᠤᠨ ᠡᠭᠦᠯᠡᠨ ᠲᠥᠪ ᠪᠣᠯᠣᠨ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠡᠷᠡᠭᠦᠯ ᠬᠠᠮᠠᠭ᠋ᠠᠯᠠᠯ᠂ ᠨᠡᠶ᠋ᠢᠭᠡᠮ᠎ᠤᠨ ᠪᠠᠲᠤᠯᠠᠭ᠎ᠠ᠂ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ᠂ ᠭᠠᠶ᠋ᠢᠯᠢ ᠲᠠᠲᠠᠪᠤᠷᠢ᠂ ᠢᠲᠡᠭᠡᠮᠵᠢ ᠵᠡᠷᠭᠡ ᠡᠭᠦᠯᠡᠨ ᠲᠠᠪᠴᠠᠩ᠎ᠢ ᠪᠠᠢ᠌ᠭᠤᠯᠤᠨ᠂ ᠥᠪᠥᠷ ᠮᠣᠩᠭᠣᠯ᠎ᠤᠨ ᠲᠣᠮᠣ ᠳ᠋ᠠᠢ᠌ᠲ᠋ᠠ ᠠᠷᠠᠯᠵᠢᠶᠠᠨ᠎ᠤ ᠲᠠᠪᠴᠠᠩ᠎ᠢ ᠰᠦᠪᠡᠭᠴᠢᠯᠡᠨ ᠪᠠᠢ᠌ᠭᠤᠯᠵᠤ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢᠵᠢᠯᠲᠠ ᠵᠢᠨ ᠬᠢᠷᠢ ᠲᠥᠪᠰᠢᠨ ᠪᠦᠬᠦ ᠲᠠᠯ᠎ᠠ᠎ᠪᠠᠷ ᠳᠡᠭᠡᠭᠰᠢᠯᠡᠪᠡ; ᠬᠥᠬᠡᠬᠣᠲᠠ ᠤᠯᠤᠰ᠎ᠤᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠵᠢᠱ᠌ᠢᠶ᠎ᠡ ᠦᠵᠡᠭᠦᠯᠬᠦ ᠬᠣᠲᠠ᠎ᠪᠠᠷ ᠵᠢᠭᠰᠠᠭ᠋ᠠᠭᠳᠠᠵᠤ᠂ ᠤᠯᠠᠭ᠋ᠠᠨᠬᠠᠳᠠ ᠵᠢᠨ ᠬᠤᠨᠭ᠌ᠱ᠌ᠠᠨ ᠪᠠᠷᠠᠭ᠎ᠠ ᠵᠢᠨ ᠭᠦᠢ᠍ᠯᠭᠡᠭᠡᠨ᠎ᠤ ᠬᠦᠷᠢᠶᠡᠯᠡᠩ ᠲᠣᠭᠣᠷᠢᠭ ᠤᠯᠤᠰ᠎ᠤᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠪᠣᠯᠵᠤ᠂ ᠨᠢᠭᠡ ᠪᠦᠯᠦᠭ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠠᠵᠤ ᠦᠢ᠍ᠯᠡᠰ᠎ᠤᠨ ᠬᠦᠷᠢᠶᠡᠯᠡᠩ ᠪᠣᠯᠣᠨ ᠨᠡᠭᠦᠷᠡᠰᠦ᠂ ᠬᠣᠪᠣᠷ ᠰᠢᠷᠣᠶ᠂ ᠡᠾᠯᠤᠷᠲᠤ ᠡᠲ᠋ᠧᠨ᠎ᠤ ᠪᠦᠭᠡᠭᠡᠨᠡᠪᠦᠷᠢ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ ᠵᠡᠷᠭᠡ ᠨᠢᠭᠡ ᠪᠦᠯᠦᠭ ᠣᠨᠴᠠᠯᠢᠭ ᠪᠦᠬᠦᠢ ᠦᠢ᠍ᠯᠡᠳᠬᠦᠨ᠎ᠤ ᠠᠷᠠᠯᠵᠢᠶᠠᠨ᠎ᠤ ᠲᠥᠪ᠎ᠢ ᠪᠠᠢ᠌ᠭᠤᠯᠵᠤ᠂ ᠳ᠋ᠦᠩ ᠭᠧ e   ᠬᠤᠳᠠᠯᠳᠤᠭ᠎ᠠ᠂   ᠢ ᠴᠢ ᠬᠤᠳᠠᠯᠳᠤᠭ᠋ᠠᠨ᠎ᠤ ᠲᠠᠯᠠᠪᠤᠷ᠂ ᠳ᠋ᠠ ᠲᠦᠩ ᠢ ᠭ᠋ᠸᠦ   ᠵᠡᠷᠭᠡ ᠨᠢᠭᠡ ᠪᠦᠯᠦᠭ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠠᠵᠤ ᠠᠬᠤᠶ᠋ᠢᠯᠠᠯ᠎ᠢ ᠪᠣᠢ᠌ᠵᠢᠭᠤᠯᠤᠭ᠋ᠠᠳ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ ᠥᠷᠨᠢᠨ ᠬᠦᠭᠵᠢᠪᠡ; ᠣᠶᠣᠨᠲᠤ ᠬᠤᠳᠠ ᠵᠢᠨ ᠪᠥᠳᠥᠭᠡᠨ ᠪᠠᠶ᠋ᠢᠭᠤᠯᠤᠯᠲᠠ ᠯᠠᠪᠳᠠᠭᠤᠨ ᠵᠶ᠋ᠠᠷ ᠠᠬᠢᠵᠤ᠂ ᠨᠢᠭᠡ ᠪᠦᠯᠦᠭ ᠣᠶᠣᠨᠲᠤ ᠵᠠᠮ ᠬᠠᠷᠢᠯᠴᠠᠭ᠎ᠠ᠂ ᠣᠶᠣᠨᠲᠦ ᠨᠡᠶ᠋ᠢᠭᠡᠮ ᠲᠣᠭᠣᠷᠢᠭ᠂ ᠣᠶᠣᠨᠲᠤ ᠡᠮ ᠡᠮᠨᠡᠯᠭᠡ᠂ ᠣᠶᠣᠨᠲᠤ ᠰᠤᠷᠭ᠋ᠠᠨ ᠬᠥᠮᠦᠵᠢᠯ ᠵᠡᠷᠭᠡ ᠮᠡᠳᠡᠭᠡ ᠵᠠᠩᠭᠢ᠎ᠪᠠᠷ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠎ᠢ ᠬᠡᠷᠡᠭᠵᠢᠭᠦᠯᠵᠦ᠂ ᠬᠤᠳᠠ ᠵᠢᠨ ᠬᠠᠮᠢᠶᠠᠷᠤᠯᠲᠠ ᠪᠣᠯᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠵᠠᠭᠪᠤᠷᠰᠢᠯ ᠲᠠᠰᠤᠷᠠᠯᠲᠠ ᠦᠭᠡᠢ ᠰᠢᠨ᠎ᠡ ᠵᠢ ᠡᠭᠦᠳᠪᠡ;   ᠥᠷᠭᠡᠨ ᠪᠦᠰᠡᠲᠦ ᠬᠥᠳᠡᠭᠡ ᠲᠣᠰᠬᠣᠨ᠎ᠢ ᠲᠦᠷᠭᠡᠨ ᠪᠦᠳᠦᠭᠡᠨ ᠪᠠᠢ᠌ᠭᠤᠯᠵᠤ᠂ ᠢᠨᠲᠸᠷ ᠰᠦᠯᠵᠢᠶᠡᠨ᠎ᠤ ᠲᠧᠯᠸᠢᠰ᠂ ᠠᠯᠤᠰ᠎ᠤᠨ ᠰᠤᠷᠭ᠋ᠠᠨ ᠬᠥᠮᠦᠵᠢᠯ᠂ ᠠᠯᠤᠰ᠎ᠤᠨ ᠡᠮ ᠡᠮᠨᠡᠯᠭᠡ᠂ ᠬᠥᠳᠡᠭᠡ ᠲᠣᠰᠬᠣᠨ᠎ᠤ ᠡᠯᠸᠺᠲᠷᠤᠨ ᠬᠤᠳᠠᠯᠳᠤᠭ᠎ᠠ ᠵᠡᠷᠭᠡ ᠵᠢ ᠬᠦᠴᠦᠯᠡᠨ ᠳᠡᠯᠭᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠮᠡᠳᠡᠭᠡ ᠵᠠᠩᠭᠢ ᠵᠢᠨ ᠬᠡᠷᠡᠭᠯᠡᠭᠡ ᠵᠢ ᠨᠡᠶ᠋ᠢᠳᠡᠮ ᠳᠡᠯᠭᠡᠷᠡᠭᠦᠯᠪᠡ; ᠠᠵᠤ ᠦᠢ᠍ᠯᠡᠳᠪᠦᠷᠢᠵᠢᠯᠲᠡ ᠪᠣᠯᠣᠨ ᠮᠡᠳᠡᠭᠡ ᠵᠠᠩᠭᠢᠵᠢᠯᠲᠠ ᠵᠢᠨ ᠠᠭᠤᠰᠤᠯᠴᠠᠯ᠎ᠢ ᠭᠦᠨᠵᠡᠭᠡᠢ ᠠᠬᠢᠭᠤᠯᠵᠤ᠂ 《ᠲᠠᠷᠢᠶᠠᠯᠠᠩ ᠮᠡᠷᠭᠡᠵᠢᠯ᠎ᠤᠨ ᠡᠷᠳᠡᠨᠢ》 ᠵᠡᠷᠭᠡ ᠮᠡᠳᠡᠭᠡ ᠵᠠᠩᠭᠢ᠎ᠪᠠᠷ ᠲᠠᠷᠢᠶᠠᠴᠢᠳ᠎ᠲᠤ ᠠᠰᠢᠭ ᠬᠦᠷᠲᠡᠭᠡᠬᠦ ᠢᠨᠵᠧᠨᠧᠷᠢᠩ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠮᠣᠩᠭᠣᠯ ᠦᠭᠡ ᠬᠡᠯᠡ ᠥᠰᠥᠭ ᠪᠢᠴᠢᠭ᠎ᠤᠨ ᠮᠡᠳᠡᠭᠡ ᠵᠠᠩᠭᠢᠵᠢᠭᠤᠯᠬᠤ ᠡᠭᠦᠯᠡᠨ ᠰᠠᠭᠤᠷᠢᠨ ᠭᠠᠵᠠᠷ᠎ᠢ ᠲᠦᠷᠭᠡᠨ ᠪᠥᠳᠥᠭᠡᠨ ᠪᠠᠢ᠌ᠭᠤᠯᠵᠤ᠂ ᠢᠨᠲᠸᠷ ᠰᠦᠯᠵᠢᠶ᠎ᠡ ᠵᠢᠨ ᠠᠵᠤ ᠦᠢ᠍ᠯᠡᠳᠪᠦᠷᠢ᠂ ᠲᠠᠷᠢᠶᠠᠯᠠᠩ ᠮᠠᠯ ᠠᠵᠤ ᠠᠬᠤᠶ᠂ ᠪᠠᠷᠠᠭ᠋ᠠᠨ᠎ᠤ ᠭᠦᠢ᠍ᠯᠭᠡᠭᠡ᠂ ᠮᠥᠩᠭᠥᠨ ᠭᠦᠢ᠍ᠯᠭᠡᠭᠡ᠂ ᠰᠣᠶᠣᠯ ᠵᠡᠷᠭᠡ ᠬᠦᠷᠢᠶ᠎ᠡ᠎ᠳᠠᠬᠢ ᠬᠡᠷᠡᠭᠯᠡᠭᠡ

ᠥᠷᠭᠡᠵᠢᠪᠡ᠃
      ᠬᠥᠲᠥᠯᠥᠭᠴᠢ᠄
      ᠥᠪᠥᠷ ᠮᠣᠩᠭᠣᠯ ᠡᠭᠦᠯᠡᠨ ᠪᠣᠳᠣᠯᠲᠠ ᠵᠢᠨ ᠠᠵᠤ ᠦᠢ᠍ᠯᠡᠰ᠎ᠢ ᠬᠥᠭᠵᠢᠭᠦᠯᠬᠦ᠎ᠳᠤ ᠶᠠᠮᠠᠷ ᠳᠠᠪᠠᠭᠤᠯᠢᠭ᠎ᠲᠠᠢ

ᠪᠤᠶ?
      ᠸᠸᠢ ᠰᠢᠶᠤᠤ ᠮᠢᠩ᠄
      ᠥᠪᠥᠷ ᠮᠣᠩᠭᠣᠯ ᠡᠭᠦᠯᠡᠨ ᠪᠣᠳᠣᠯᠲᠠ ᠵᠢᠨ ᠠᠵᠤ ᠦᠢ᠍ᠯᠡᠰ᠎ᠢ ᠬᠥᠭᠵᠢᠭᠦᠯᠬᠦ᠎ᠳᠤ ᠥᠪᠡᠷᠮᠢᠴᠡ ᠳᠠᠪᠠᠭᠤᠯᠢᠭ ᠨᠥᠬᠥᠴᠡᠯ  ᠎ᠲᠠᠢ᠃ ᠨᠢᠭᠡ᠎ᠳᠤ᠂ ᠠᠭᠤᠷ ᠠᠮᠢᠰᠬᠤᠯ᠎ᠤᠨ ᠨᠥᠬᠥᠴᠡᠯ ᠲᠣᠬᠢᠷᠠᠮᠵᠢᠲᠠᠶ᠃ ᠥᠪᠥᠷ ᠮᠣᠩᠭᠣᠯ ᠰᠡᠷᠢᠭᠦᠨ ᠪᠦᠰᠡ ᠵᠢᠨ ᠡᠬᠡ ᠬᠠᠭᠤᠷᠠᠢ ᠵᠢᠨ ᠴᠢᠨᠠᠷᠲᠠᠶ ᠠᠭᠤᠷ ᠠᠮᠢᠰᠬᠤᠯ ᠵᠶ᠋ᠠᠷ ᠭᠣᠣᠯ ᠪᠣᠯᠵᠤ᠂ ᠬᠦᠢ᠍ᠲᠡᠨ ᠬᠤᠭᠤᠴᠠᠭ᠎ᠠ᠎ᠨᠢ ᠨᠡᠯᠢᠶᠡᠳ ᠤᠷᠳᠤ᠂ ᠵᠢᠯ᠎ᠤᠨ ᠳᠤᠮᠳᠠᠴᠢ ᠠᠭ᠋ᠠᠷ᠎ᠤᠨ ᠳᠤᠯᠠᠭ᠋ᠠᠨ 0 - 8 ᠼᠧᠯᠰ ᠭ᠋ᠷᠠᠳᠦ᠋ᠰ᠂ ᠥᠷᠭᠡᠨ ᠬᠡᠪᠴᠢᠶᠡᠨ᠎ᠤ ᠲᠣᠭ᠎ᠠ ᠪᠠᠷᠢᠮᠲᠠ ᠵᠢᠨ ᠲᠥᠪ᠎ᠤᠨ ᠠᠶᠠᠨᠳᠠᠭ᠋ᠠᠨ᠎ᠤ ᠬᠦᠷᠭᠡᠯᠲᠡ᠎ᠳᠤ ᠲᠣᠬᠢᠷᠠᠨ᠎ᠠ᠃ ᠵᠢᠱ᠌ᠢᠵᠦ ᠪᠣᠳᠣᠭᠰᠠᠨ ᠵᠶ᠋ᠠᠷ᠂ ᠥᠪᠥᠷ ᠮᠣᠩᠭᠣᠯ᠎ᠤᠨ ᠳ᠋ᠠᠶ᠋ᠢᠲ᠋ᠠ ᠵᠢᠨ ᠲᠥᠪ᠎ᠤᠨ PUE (ᠡᠨᠧᠷᠭᠢ ᠵᠢᠨ ᠰᠤᠷᠪᠤᠯᠵᠢ ᠬᠡᠷᠡᠭᠯᠡᠬᠦ ᠦᠷ᠎ᠡ ᠪᠦᠲᠦᠮᠵᠢ ᠵᠢ) ᠬᠡᠮᠵᠢᠭᠳᠡᠯ᠎ᠢ 1.4 ᠣᠷᠴᠢᠮ ᠬᠢᠵᠠᠭ᠋ᠠᠷᠯᠠᠵᠦ   ᠴᠢᠳᠠᠬᠤ ᠪᠣᠯᠬᠣᠷ᠂ ᠪᠦᠬᠦ ᠤᠯᠤᠰ᠎ᠤᠨ ᠳᠤᠮᠳᠠᠴᠢ ᠬᠢᠷᠢ ᠬᠡᠮᠵᠢᠶ᠎ᠡ᠎ᠠᠴᠠ 0.8 - 1.6 ᠳᠣᠣᠷ᠎ᠠ ᠪᠠᠢ᠌ᠳᠠᠭ᠂ ᠡᠵᠡᠩᠨᠡᠯᠲᠡ ᠵᠢᠨ ᠥᠪᠡᠷ᠎ᠤᠨ ᠥᠷᠲᠡᠭ᠎ᠨᠢ ᠬᠠᠷᠢᠴᠠᠩᠭᠤᠶ ᠨᠡᠯᠢᠶᠡᠳ ᠳᠣᠣᠷ᠎ᠠ ᠪᠠᠶ᠋ᠢᠨ᠎ᠠ᠃ ᠬᠣᠶᠠᠷ᠎ᠲᠤ᠂ ᠭᠠᠵᠠᠷ ᠵᠦᠢ ᠵᠢᠨ ᠣᠷᠴᠢᠨ ᠲᠣᠭᠣᠷᠢᠨ᠎ᠤ ᠳᠠᠪᠠᠭᠤᠯᠢᠭ᠎ᠲᠠᠢ᠃ ᠥᠪᠥᠷ ᠮᠣᠩᠭᠣᠯ᠎ᠤᠨ ᠣᠯᠠᠩᠬᠢ ᠭᠠᠵᠠᠷ ᠣᠷᠣᠨ᠎ᠳᠤ ᠭᠠᠵᠠᠷ ᠰᠢᠨᠵᠢᠯᠡᠭᠡᠨ᠎ᠤ ᠪᠦᠲᠦᠴᠡ ᠨᠡᠯᠢᠶᠡᠳ ᠲᠣᠭᠲᠠᠪᠤᠷᠢᠲᠠᠶ᠂ ᠭᠠᠵᠠᠷ ᠬᠥᠳᠡᠯᠦᠯᠲᠡ ᠵᠢᠨ ᠪᠦᠰᠡ᠎ᠠᠴᠠ ᠬᠣᠯᠠ᠂ ᠲᠡᠦᠬᠡᠨ ᠳᠡᠭᠡᠷ᠎ᠡ ᠡᠪᠳᠡᠯᠡᠭᠡ ᠵᠢᠨ ᠴᠢᠨᠠᠷᠲᠠᠶ ᠭᠠᠵᠠᠷ ᠬᠥᠳᠡᠯᠦᠯᠲᠡ ᠵᠢᠨ ᠭᠠᠮᠰᠢᠭ ᠲᠣᠩ ᠴᠥᠭᠡᠨ ᠭᠠᠷᠴᠤ᠂ ᠲᠤᠮᠤ ᠬᠡᠯᠪᠡᠷᠢ ᠵᠢᠨ ᠳ᠋ᠠᠶ᠋ᠢᠲ᠋ᠠ ᠵᠢᠨ ᠲᠥᠪ᠎ᠤᠨ ᠲᠣᠭᠲᠠᠭᠤᠨ ᠵᠶ᠋ᠠᠷ ᠠᠵᠢᠯᠯᠠᠬᠤ ᠵᠢ ᠪᠠᠲᠤᠯᠠᠵᠤ ᠴᠢᠳᠠᠬᠤ ᠶᠤᠮ᠃ ᠭᠤᠷᠪᠠ᠎ᠳᠤ᠂ ᠡᠨᠧᠷᠭᠢ ᠵᠢᠨ ᠪᠠᠲᠤᠯᠠᠭ᠎ᠠ᠎ᠲᠠᠢ᠃ ᠥᠪᠥᠷ ᠮᠣᠩᠭᠣᠯ᠎ᠤᠨ ᠴᠠᠬᠢᠯᠭ᠋ᠠᠨ ᠬᠦᠴᠦᠨ᠎ᠤ ᠮᠠᠰᠢᠨ ᠴᠣᠭᠴᠠᠯᠠᠪᠤᠷᠢ᠎ᠨᠢ ᠪᠦᠬᠦ ᠤᠯᠤᠰ᠎ᠤᠨ ᠲᠡᠷᠢᠭᠦᠨ᠎ᠳᠤ ᠣᠷᠣᠨ᠎ᠠ᠂ ᠥᠪᠥᠷ ᠮᠣᠩᠭᠣᠯ᠎ᠤᠨ ᠪᠠᠷᠠᠭᠤᠨ ᠪᠡᠶ᠎ᠡ ᠵᠢᠨ ᠴᠠᠬᠢᠯᠭ᠋ᠠᠨ᠎ᠤ ᠲᠣᠣᠷ᠎ᠤᠨ ᠪᠦᠷᠢᠯᠳᠦᠭᠰᠡᠨ᠎ᠨᠢ ᠪᠦᠬᠦ ᠤᠯᠤᠰ᠎ᠤᠨ ᠬᠦᠷᠭᠡᠬᠦ ᠴᠠᠬᠢᠯᠭ᠋ᠠᠨ ᠲᠦᠭᠡᠭᠡᠬᠦ ᠦᠨ᠎ᠡ ᠬᠠᠩᠰᠢ ᠵᠢᠨ ᠠᠩᠬᠠᠳᠠᠭᠴᠢ ᠮᠤᠵᠢ ᠵᠢᠨ ᠳᠡᠰ᠎ᠤᠨ ᠴᠠᠬᠢᠯᠭ᠋ᠠᠨ ᠲᠣᠣᠷ᠎ᠤᠨ ᠪᠡᠶ᠎ᠡ᠎ᠪᠠᠨ ᠳᠠᠭ᠋ᠠᠭ᠋ᠠᠭᠰᠠᠨ ᠴᠠᠬᠢᠯᠭ᠋ᠠᠨ ᠰᠢᠰᠲ᠋ᠧᠮ ᠪᠣᠯᠵᠤ᠂ ᠴᠠᠬᠢᠯᠭ᠋ᠠᠨ ᠳᠠᠮᠵᠢᠭᠤᠯᠬᠤ ᠪᠠ ᠬᠦᠷᠭᠡᠬᠦ ᠴᠠᠬᠢᠯᠭ᠋ᠠᠨ ᠬᠦᠴᠦᠨ᠎ᠤ ᠵᠠᠬ᠎ᠠ ᠳᠡᠯᠭᠡᠭᠦᠷ᠎ᠤᠨ ᠠᠷᠠᠯᠵᠢᠶ᠎ᠠ ᠵᠢ ᠰᠢᠭᠤᠳ ᠬᠢᠵᠦ ᠪᠣᠯᠤᠨ᠎ᠠ᠃ ᠴᠠᠬᠢᠯᠭ᠋ᠠᠨ ᠬᠦᠴᠦ ᠨᠡᠯᠢᠶᠡᠳ ᠶᠡᠬᠡ ᠬᠡᠷᠡᠭᠴᠡᠭᠡ᠎ᠲᠠᠢ ᠠᠵᠤ ᠠᠬᠤᠶ᠋ᠢᠯᠠᠯ᠎ᠤᠳ᠂ ᠪᠠᠰᠠ ᠰᠢᠭᠤᠳ ᠴᠠᠬᠢᠯᠭ᠋ᠠᠨ ᠬᠠᠩᠭ᠋ᠠᠬᠤ ᠦᠨ᠎ᠡ ᠬᠠᠩᠰᠢ ᠵᠢ ᠤᠯᠠᠨ ᠲᠠᠯ᠎ᠠ᠎ᠪᠠᠷ ᠠᠷᠠᠯᠵᠢᠶᠠᠯᠠᠵᠤ ᠪᠣᠯᠤᠨ᠎ᠠ᠃ ᠲᠦᠷᠪᠡ᠎ᠳᠤ ᠣᠷᠣᠨ ᠪᠠᠶ᠋ᠢᠷᠢ ᠵᠢᠨ ᠳᠠᠪᠠᠭᠤᠯᠢᠭ ᠲᠠᠯ᠎ᠠ ᠢᠯᠡᠷᠬᠡᠶ᠃ ᠥᠪᠥᠷ ᠮᠣᠩᠭᠣᠯ᠎ᠨᠢ ᠪᠡᠭᠡᠵᠢᠩ ᠲᠢᠶᠠᠨᠵᠢᠨ᠎ᠲᠠᠢ ᠣᠢ᠌ᠷᠠᠬᠠᠨ ᠪᠠᠢ᠌ᠵᠤ᠂ ᠨᠠᠢ᠍ᠮᠠᠨ ᠮᠤᠵᠢ ᠣᠷᠣᠨ᠎ᠲᠠᠢ ᠬᠥᠷᠰᠢᠯᠡᠵᠦ᠂ ᠠᠮᠢ ᠠᠬᠤᠶ ᠵᠢᠨ ᠣᠷᠴᠢᠨ ᠲᠣᠭᠣᠷᠢᠨ ᠭᠣᠶ᠋ᠢᠳᠠ ᠰᠠᠶ᠋ᠢᠬᠠᠨ᠂ ᠵᠠᠮ ᠬᠠᠷᠢᠯᠴᠠᠭ᠎ᠠ ᠳᠥᠭᠥᠮ ᠳᠥᠲᠡ᠂ ᠲᠣᠭ᠎ᠠ ᠪᠠᠷᠢᠮᠲᠠ ᠵᠢᠨ ᠳᠠᠮᠵᠢᠯᠭ᠋ᠠᠨ᠂ ᠮᠡᠳᠡᠭᠡ ᠵᠠᠩᠭᠢ ᠵᠢᠨ ᠦᠢ᠍ᠯᠡᠴᠢᠯᠡᠭᠡ᠂ ᠴᠢᠳᠠᠪᠤᠷᠢᠲᠠᠨ ᠣᠷᠣᠭᠤᠯᠵᠤ ᠢᠷᠡᠬᠦ ᠵᠡᠷᠭᠡ ᠲᠠᠯ᠎ᠠ᠎ᠪᠠᠷ ᠪᠦᠷ ᠳᠠᠪᠠᠭᠤᠯᠢᠭ ᠲᠠᠯ᠎ᠠ᠎ᠲᠠᠢ᠃ ᠭᠠᠳᠠᠭᠰᠢ᠎ᠪᠠᠨ ᠣᠷᠣᠰ ᠮᠣᠩᠭᠣᠯ᠎ᠲᠠᠢ ᠬᠢᠯᠢᠯᠡᠵᠦ᠂ ᠠᠽᠢᠶ᠎ᠠ ᠧᠦ᠋ᠷᠣᠫᠠ ᠵᠢᠨ ᠡᠬᠡ ᠬᠠᠭᠤᠷᠠᠶ ᠵᠢᠨ ᠬᠣᠶᠠᠷ ᠬᠥᠭᠥᠷᠭᠡ᠎ᠲᠠᠢ ᠪᠣᠯᠬᠣᠷ᠂ ᠧᠦ᠋ᠷᠣᠫᠠ ᠲᠢᠪ ᠴᠢᠨᠠᠭᠰᠢᠯᠠᠭ᠋ᠠᠳ ᠪᠦᠬᠦ ᠪᠥᠮᠪᠥᠷᠴᠡᠭ᠎ᠤᠨ ᠡᠭᠦᠯᠡᠨ ᠪᠤᠳᠤᠯᠳᠠ ᠵᠢᠨ ᠤᠯᠠᠨ ᠤᠯᠤᠰ᠎ᠤᠨ ᠦᠢ᠍ᠯᠡᠴᠢᠯᠡᠭᠡᠨ᠎ᠤ ᠬᠥᠭᠵᠢᠯᠲᠡ᠎ᠳᠤ ᠠᠰᠢᠭᠲᠠᠶ

ᠶᠤᠮ᠃

      ᠬᠥᠲᠥᠯᠥᠭᠴᠢ᠄
     《13᠂ 5》 ᠵᠢᠨ ᠬᠤᠭᠤᠴᠠᠭ᠋ᠠᠨ᠎ᠳᠤ ᠥᠪᠥᠷ ᠮᠣᠩᠭᠣᠯ᠎ᠤᠨ ᠡᠭᠦᠯᠡᠨ ᠪᠣᠳᠣᠯᠲᠠ ᠵᠢᠨ ᠠᠵᠤ ᠦᠢ᠍ᠯᠡᠰ᠎ᠢ ᠬᠥᠭᠵᠢᠭᠦᠯᠬᠦ ᠰᠡᠳᠬᠢᠴᠡ᠂ ᠭᠣᠣᠯᠳᠠᠯᠭ᠎ᠠ ᠪᠠ ᠬᠠᠷᠠᠯᠲᠠ᠎ᠨᠢ ᠶᠠᠭᠤ ᠪᠤᠶ?
      ᠸᠸᠢ ᠰᠢᠶᠤᠤ ᠮᠢᠩ᠄
     《13᠂ 5》 ᠵᠢᠨ ᠬᠤᠭᠤᠴᠠᠭ᠋ᠠᠨ᠎ᠳᠤ᠂ ᠥᠪᠥᠷ ᠮᠣᠩᠭᠣᠯ ᠮᠡᠳᠡᠭᠡ ᠵᠠᠩᠭᠢ ᠵᠢᠨ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠢᠨᠲᠸᠷ ᠰᠦᠯᠵᠢᠶ᠎ᠡ ᠪᠣᠯᠤᠨ ᠠᠵᠤ ᠠᠬᠤᠶ ᠨᠡᠶ᠋ᠢᠭᠡᠮ᠎ᠤᠨ ᠡᠯ᠎ᠡ ᠬᠦᠷᠢᠶᠡᠨ᠎ᠤ ᠠᠭᠤᠰᠤᠯᠴᠠᠯ᠎ᠤᠨ ᠥᠷᠭᠡᠴᠡ ᠪᠠ ᠭᠦᠨᠴᠡ ᠵᠢ ᠥᠷᠭᠡᠳᠬᠡᠵᠦ᠂ ᠠᠵᠤ ᠦᠢ᠍ᠯᠡᠰ᠎ᠢ ᠶᠡᠬᠡᠪᠡᠷ ᠬᠥᠭᠵᠢᠭᠦᠯᠵᠦ᠂ ᠥᠪᠥᠷ ᠮᠣᠩᠭᠣᠯ᠎ᠢ ᠤᠯᠤᠰ᠎ᠤᠨ ᠴᠢᠬᠤᠯᠠ ᠡᠭᠦᠯᠡᠨ ᠪᠤᠳᠤᠯᠳᠠ ᠵᠢᠨ ᠠᠵᠤ ᠦᠢ᠍ᠯᠡᠰ᠎ᠤᠨ ᠰᠠᠭᠤᠷᠢᠨ ᠭᠠᠵᠠᠷ ᠪᠣᠯᠭ᠋ᠠᠨ ᠪᠦᠲᠦᠭᠡᠨ ᠪᠠᠢ᠌ᠭᠤᠯᠬᠤ ᠪᠣᠯᠣᠨ᠎ᠠ᠃ ᠨᠢᠭᠡ᠎ᠳᠤ᠂ ᠲᠣᠭ᠎ᠠ ᠪᠠᠷᠢᠮᠲᠠ ᠵᠢᠨ ᠲᠥᠪ᠎ᠤᠨ ᠰᠠᠭᠤᠷᠢᠨ ᠭᠠᠵᠠᠷ᠎ᠤᠨ ᠪᠥᠳᠥᠭᠡᠨ ᠪᠠᠶ᠋ᠢᠭᠤᠯᠤᠯᠲᠠ ᠵᠢ ᠲᠦᠷᠭᠡᠳᠬᠡᠨ᠎ᠡ᠃ ᠬᠥᠬᠡᠬᠣᠲᠠ ᠪᠤᠭᠤᠲᠤ ᠤᠷᠳᠤᠰ᠂ ᠤᠯᠠᠭ᠋ᠠᠨᠬᠠᠳᠠ᠂ ᠤᠯᠠᠭ᠋ᠠᠨᠴᠠᠪ ᠵᠡᠷᠭᠡ ᠣᠷᠣᠨ ᠪᠦᠰᠡ ᠵᠢᠨ ᠴᠢᠨᠠᠷᠲᠠᠶ ᠭᠣᠣᠯ ᠬᠤᠳᠠ᠎ᠪᠠᠷ ᠭᠣᠣᠯᠳᠠᠯᠭ᠎ᠠ ᠪᠣᠯᠭ᠋ᠠᠨ᠂ ᠳᠤᠮᠳᠠᠳᠤ ᠤᠯᠤᠰ᠎ᠤᠨ ᠴᠠᠬᠢᠯᠭ᠋ᠠᠨ ᠬᠣᠯᠪᠣᠭ᠎ᠠ᠂ ᠳᠤᠮᠳᠠᠳᠤ ᠤᠯᠤᠰ᠎ᠤᠨ ᠰᠢᠯᠵᠢᠮᠡᠯ ᠬᠣᠯᠪᠣᠭ᠎ᠠ᠂ ᠳᠤᠮᠳᠠᠳᠤ ᠤᠯᠤᠰ᠎ᠤᠨ ᠨᠢᠭᠡᠲᠦᠮᠡᠯ ᠬᠣᠯᠪᠣᠭ᠎ᠠ ᠵᠢᠨ ᠺᠣᠮᠫᠠᠨᠢ᠂ ᠵᠦᠩ ᠰᠢᠩ ᠡᠨᠧᠷᠭᠢ᠂ ᠬᠤᠸᠠ ᠸᠧᠶ ᠵᠡᠷᠭᠡ ᠲᠤᠮᠤ ᠬᠡᠯᠪᠡᠷᠢ ᠵᠢᠨ ᠲᠣᠭ᠎ᠠ ᠪᠠᠷᠢᠮᠲᠠ ᠵᠢᠨ ᠲᠥᠪ᠎ᠤᠨ ᠪᠦᠲᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠲᠦᠯᠬᠢᠨ ᠠᠬᠢᠭᠤᠯᠤᠨ᠎ᠠ᠃ 2020 ᠣᠨ ᠪᠣᠯᠬᠤ᠎ᠳᠤ᠂ ᠡᠭᠦᠯᠡᠨ ᠪᠤᠳᠤᠯᠳᠠ ᠵᠢᠨ ᠲᠣᠭ᠎ᠠ ᠪᠠᠷᠢᠮᠲᠠ ᠵᠢᠨ ᠲᠥᠪ ᠦᠢ᠍ᠯᠡᠴᠢᠯᠡᠭᠦᠷ ᠮᠠᠰᠢᠨ ᠴᠣᠭᠴᠠᠯᠠᠪᠤᠷᠢ ᠵᠢᠨ ᠴᠢᠳᠠᠪᠤᠷᠢ ᠵᠢ 300 ᠲᠦᠮᠡᠨ ᠰᠠᠤᠷᠢ᠎ᠳᠤ ᠬᠦᠷᠦᠭᠦᠯᠵᠦ᠂ ᠮᠠᠨ᠎ᠤ ᠤᠯᠤᠰ᠎ᠤᠨ ᠬᠠᠮᠤᠭ᠎ᠤᠨ ᠲᠣᠮᠣ ᠡᠭᠦᠯᠡᠨ ᠪᠣᠳᠣᠯᠲᠠ ᠵᠢᠨ ᠲᠣᠭ᠎ᠠ ᠪᠠᠷᠢᠮᠲᠠ ᠵᠢᠨ ᠲᠥᠪ᠎ᠤᠨ ᠰᠠᠭᠤᠷᠢᠨ ᠭᠠᠵᠠᠷ᠎ᠢ ᠪᠠᠢ᠌ᠭᠤᠯᠤᠨ᠎ᠠ᠃ ᠬᠣᠶᠠᠷ᠎ᠲᠤ᠂ ᠭᠡᠷᠡᠯᠯᠢᠭ ᠳᠡᠭᠡᠰᠦᠨ ᠲᠤᠤᠷ ᠰᠦᠯᠵᠢᠶᠡᠨ᠎ᠤ ᠪᠠᠶ᠋ᠢᠭᠤᠯᠤᠯᠲᠠ ᠵᠢ ᠲᠦᠷᠭᠡᠳᠬᠡᠨ᠎ᠡ᠃   ᠤᠯᠤᠰ᠎ᠤᠨ ᠬᠣᠭᠣᠷᠤᠨᠳᠤᠬᠢ᠂ ᠮᠤᠵᠢ ᠵᠢᠨ ᠬᠣᠭᠣᠷᠤᠨᠳᠤᠬᠢ ᠭᠡᠷᠡᠯᠯᠢᠭ ᠳᠡᠭᠡᠰᠦ ᠨᠡᠪᠲᠡᠷᠡᠬᠦ ᠵᠠᠮ᠂ ᠬᠥᠬᠡᠬᠣᠲᠠ ᠵᠢᠨ ᠢᠨᠲᠸᠷ ᠰᠦᠯᠵᠢᠶᠡᠨ᠎ᠤ ᠰᠢᠭᠤᠳ ᠬᠣᠯᠪᠣᠭ᠎ᠠ ᠠᠪᠬᠤ ᠭᠣᠣᠯᠯᠠᠬᠤ ᠴᠡᠭ ᠪᠠ ᠥᠪᠥᠷ ᠮᠣᠩᠭᠣᠯ᠎ᠤᠨ ᠣᠯᠠᠨ ᠤᠯᠤᠰ᠎ᠤᠨ ᠭᠠᠳᠠᠭ᠋ᠠᠳᠤ᠎ᠳᠤ ᠭᠠᠷᠭ᠋ᠠᠬᠤ ᠲᠣᠪᠴᠢᠶ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠪᠥᠷ ᠮᠣᠩᠭᠣᠯ᠎ᠤᠨ ᠥᠷᠭᠡᠨ ᠪᠦᠰᠡᠲᠦ ᠰᠦᠯᠵᠢᠶᠡᠨ᠎ᠤ ᠢᠨᠵᠧᠨᠧᠷᠢᠩ᠎ᠢ ᠲᠦᠷᠭᠡᠪᠴᠢᠯᠡᠨ ᠬᠡᠷᠡᠭᠵᠢᠭᠦᠯᠦᠨ᠎ᠡ᠃ 2020 ᠣᠨ ᠪᠣᠯᠬᠤ᠎ᠳᠤ᠂ ᠪᠦᠬᠦ ᠣᠷᠣᠨ᠎ᠢ ᠬᠠᠮᠤᠷᠤᠭᠰᠠᠨ᠂ ᠤᠯᠤᠰ᠎ᠤᠨ ᠳᠣᠲᠣᠭ᠋ᠠᠳᠤ᠎ᠳᠤ ᠨᠡᠪᠲᠡᠷᠡᠬᠦ᠂ ᠳᠡᠯᠡᠬᠡᠶ ᠳᠠᠶᠠᠭ᠋ᠠᠷ᠎ᠲᠤ ᠰᠢᠭᠤᠳ ᠨᠡᠪᠲᠡᠷᠡᠬᠦ ᠪᠦᠷᠢᠨ ᠲᠡᠭᠦᠯᠳᠡᠷ ᠭᠡᠷᠡᠯᠯᠢᠭ ᠲᠣᠣᠷ ᠰᠦᠯᠵᠢᠶ᠎ᠡ ᠵᠢ ᠪᠦᠷᠢᠯᠳᠦᠭᠦᠯᠵᠦ᠂ ᠬᠣᠲᠠ ᠵᠢᠨ ᠥᠷᠭᠡᠨ ᠪᠦᠰᠡᠲᠦ ᠰᠦᠯᠵᠢᠶᠡᠨ᠎ᠤ ᠬᠡᠷᠡᠭᠯᠡᠭᠴᠢᠳ᠎ᠤᠨ ᠳᠤᠮᠳᠠᠴᠢ ᠵᠠᠯᠭ᠋ᠠᠵᠤ ᠣᠷᠣᠭᠤᠯᠬᠤ ᠴᠢᠳᠠᠪᠤᠷᠢ ᠵᠢ 50Mbps᠎ᠲᠤ ᠬᠦᠷᠦᠭᠦᠯᠵᠦ᠂ ᠮᠠᠯᠵᠢᠬᠤ ᠲᠠᠷᠢᠶᠠᠯᠠᠬᠤ ᠣᠷᠣᠨ᠎ᠢ ᠳᠤᠮᠳᠠᠴᠢ᠎ᠪᠠᠷ 8Mbps᠎ᠲᠤ ᠬᠦᠷᠦᠭᠦᠯᠬᠦ ᠪᠣᠯᠣᠨ᠎ᠠ᠃
      ᠸᠸᠢ ᠰᠢᠶᠤᠤ ᠮᠢᠩ᠄
      ᠭᠤᠷᠪᠠ᠎ᠳᠤ 《ᠢᠨᠲᠸᠷ ᠰᠦᠯᠵᠢᠶ᠎ᠡ +》 ᠠᠵᠢᠯᠯᠠᠭ᠋ᠠᠨ᠎ᠤ ᠲᠦᠯᠦᠪᠯᠡᠭᠡ ᠵᠢ ᠶᠡᠬᠡᠪᠡᠷ ᠬᠡᠷᠡᠭᠵᠢᠭᠦᠯᠬᠦ ᠪᠣᠯᠤᠨ᠎ᠠ᠃ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠎ᠤᠨ ᠶᠠᠪᠤᠴᠠ ᠪᠠ ᠲᠤᠬᠠᠶ᠋ᠢᠯᠠᠭᠰᠠᠨ ᠠᠵᠢᠯ᠎ᠤᠨ ᠶᠠᠪᠤᠴᠠ ᠵᠢᠨ ᠮᠡᠳᠡᠭᠡ ᠵᠠᠩᠭᠢᠵᠢᠭᠤᠯᠬᠤ ᠥᠭᠡᠷᠡᠴᠢᠯᠡᠯᠲᠡ ᠵᠢ ᠲᠦᠷᠭᠡᠳᠬᠡᠨ᠂ ᠠᠵᠤ ᠦᠢ᠍ᠯᠡᠳᠪᠦᠷᠢ ᠵᠢᠨ ᠡᠭᠦᠯᠡ ᠵᠢᠨ ᠰᠢᠨ᠎ᠡ ᠵᠢ ᠡᠭᠦᠳᠬᠦ ᠦᠢ᠍ᠯᠡᠴᠢᠯᠡᠭᠡᠨ᠎ᠤ ᠲᠠᠪᠴᠠᠩ᠎ᠤᠨ ᠪᠦᠲᠦᠭᠡᠨ ᠪᠠᠶ᠋ᠢᠭᠤᠯᠤᠯᠲᠠ ᠪᠠ ᠬᠡᠷᠡᠭᠯᠡᠯᠲᠡ ᠵᠢᠨ ᠵᠢᠱ᠌ᠢᠶ᠎ᠡ ᠦᠵᠡᠭᠦᠯᠬᠦ ᠵᠢ ᠴᠢᠩᠭ᠋ᠠᠳᠬᠠᠵᠤ᠂ 《ᠢᠨᠲᠸᠷ ᠰᠦᠯᠵᠢᠶ᠎ᠡ +》 ᠠᠵᠤ ᠦᠢ᠍ᠯᠡᠳᠪᠦᠷᠢ ᠵᠢᠨ ᠬᠦᠭᠵᠢᠯᠲᠡ ᠵᠢ ᠲᠦᠯᠬᠢᠨ ᠠᠬᠢᠭᠤᠯᠤᠨ᠎ᠠ᠃ ᠢᠨᠲᠸᠷ ᠰᠦᠯᠵᠢᠶᠡᠨ᠎ᠤ ᠮᠡᠷᠭᠡᠵᠢᠯ᠎ᠤᠨ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ᠂ ᠡᠵᠡᠩᠨᠡᠯᠲᠡ᠂ ᠬᠠᠮᠢᠶᠠᠷᠤᠯᠲᠠ᠂ ᠦᠢ᠍ᠯᠡᠴᠢᠯᠡᠭᠡᠨ᠎ᠤ ᠬᠦᠷᠢᠶ᠎ᠡ ᠬᠡᠪᠴᠢᠶᠡᠨ᠎ᠳᠠᠬᠢ ᠬᠡᠷᠡᠭᠯᠡᠯᠲᠡ ᠵᠢ ᠭᠦᠨᠵᠡᠭᠡᠢ᠌ᠷᠡᠭᠦᠯᠦᠨ᠂ ᠪᠦᠬᠦ ᠠᠵᠤ ᠦᠢ᠍ᠯᠡᠰ᠎ᠤᠨ ᠤᠶᠤᠨᠲᠤ ᠲᠠᠷᠢᠶᠠᠯᠠᠩ ᠮᠠᠯ ᠠᠵᠤ ᠠᠬᠤᠶ ᠵᠢᠨ ᠬᠡᠯᠬᠢᠶᠡᠵᠢᠭᠰᠡᠨ ᠰᠢᠰᠲ᠋ᠧᠮ᠎ᠢ ᠪᠠᠢ᠌ᠭᠤᠯᠵᠤ᠂ 《ᠢᠨᠲᠸᠷ ᠰᠦᠯᠵᠢᠶ᠎ᠡ +》 ᠲᠠᠷᠢᠶᠠᠯᠠᠩ ᠮᠠᠯ ᠠᠵᠤ ᠠᠬᠤᠶ ᠵᠢᠨ ᠬᠥᠭᠵᠢᠯᠲᠡ ᠵᠢ ᠲᠦᠯᠬᠢᠨ ᠠᠬᠢᠭᠤᠯᠤᠨ᠎ᠠ᠃ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠂ ᠲᠦᠭᠡᠮᠡᠯ ᠬᠥᠷᠳᠡᠭᠡᠮᠵᠢᠳᠤ ᠮᠥᠩᠭᠥᠨ ᠭᠦᠢ᠍ᠯᠭᠡᠭᠡ᠂ ᠥᠨᠳᠥᠷ ᠦᠷ᠎ᠡ ᠪᠦᠲᠦᠮᠵᠢᠲᠡᠶ ᠪᠠᠷᠠᠭ᠋ᠠᠨ᠎ᠤ ᠭᠦᠢ᠍ᠯᠭᠡᠭᠡ᠂ ᠠᠷᠠᠳ᠎ᠲᠤ ᠠᠰᠢᠭᠲᠠᠢ ᠦᠢ᠍ᠯᠡᠴᠢᠯᠡᠭᠡᠨ ᠵᠡᠷᠭᠡ ᠬᠦᠷᠢᠶ᠎ᠡ ᠬᠡᠪᠴᠢᠶ᠎ᠡ᠎ᠪᠠᠷ ᠭᠣᠣᠯᠳᠠᠯᠭ᠎ᠠ ᠪᠣᠯᠭ᠋ᠠᠨ᠂ 《ᠢᠨᠲᠸᠷ ᠰᠦᠯᠵᠢᠶ᠎ᠡ +》 ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠲᠥᠯᠬᠢᠨ ᠠᠬᠢᠭᠤᠯᠤᠨ᠎ᠠ᠃ ᠲᠣᠭ᠋ᠠᠴᠢᠯᠠᠭᠰᠠᠨ ᠰᠣᠶᠣᠯ᠎ᠤᠨ ᠠᠭᠤᠯᠭ᠎ᠠ ᠪᠦᠬᠦᠢ ᠦᠢ᠍ᠯᠡᠳᠬᠦᠨ ᠪᠠ ᠦᠢ᠍ᠯᠡᠴᠢᠯᠡᠭᠡᠨ᠎ᠤ ᠨᠡᠬᠡᠬᠡᠨ ᠬᠦᠭᠵᠢᠭᠦᠯᠦᠯᠲᠡ ᠵᠢ ᠴᠢᠩᠭ᠋ᠠᠳᠬᠠᠵᠤ᠂ 《ᠢᠨᠲᠸᠷ ᠰᠦᠯᠵᠢᠶ᠎ᠡ +》 ᠰᠣᠶᠣᠯ᠎ᠤᠨ ᠠᠵᠤ ᠦᠢ᠍ᠯᠡᠰ᠎ᠤᠨ ᠬᠥᠭᠵᠢᠯᠲᠡ ᠵᠢ ᠲᠥᠯᠬᠢᠨ ᠠᠬᠢᠭᠤᠯᠤᠨ᠎ᠠ᠃ 2020 ᠣᠨ ᠪᠣᠯᠬᠤ᠎ᠳᠤ᠂ 5 ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠢᠨᠲᠸᠷ ᠰᠦᠯᠵᠢᠶᠡᠨ᠎ᠤ ᠠᠵᠤ ᠠᠬᠤᠶ ᠵᠢᠨ ᠲᠥᠪᠯᠡᠷᠡᠯ᠎ᠤᠨ ᠣᠷᠣᠨ᠂ 10 ᠡᠯᠸᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠲᠥᠪᠯᠡᠷᠡᠯ᠎ᠤᠨ ᠣᠷᠣᠨ᠂ 10 ᠶᠡᠬᠡ ᠬᠡᠮᠵᠢᠶᠡᠨ᠎ᠤ ᠲᠠᠸᠠᠷ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠪᠠᠢ᠌ᠭᠤᠯᠵᠤ᠂ ᠢᠨᠲᠸᠷ ᠰᠦᠯᠵᠢᠶ᠎ᠡ ᠵᠢᠨ ᠦᠢ᠍ᠯᠡᠴᠢᠯᠡᠭᠡᠨ᠎ᠤ ᠣᠷᠣᠯᠭ᠎ᠠ ᠵᠢ 500 ᠳ᠋ᠦᠩᠰᠢᠭᠤᠷ ᠲᠥᠭᠥᠷᠢᠭ᠎ᠲᠤ ᠬᠦᠷᠦᠭᠦᠯᠦᠨ᠎ᠡ᠃ ᠲᠦᠷᠪᠡ᠎ᠳᠤ ᠡᠭᠦᠯᠡᠨ ᠪᠤᠳᠤᠯᠳᠠ ᠪᠠ ᠲᠣᠮᠤ ᠳ᠋ᠠᠢ᠌ᠲ᠋ᠠ ᠵᠢᠨ ᠠᠵᠤ ᠦᠢ᠍ᠯᠡᠰ᠎ᠤᠨ ᠬᠥᠭᠵᠢᠯᠲᠡ ᠵᠢ ᠲᠥᠯᠬᠢᠨ ᠠᠬᠢᠭᠤᠯᠬᠤ ᠪᠣᠯᠤᠨ᠎ᠠ᠃ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠰᠢᠰᠲ᠋ᠧᠮ ᠪᠠ ᠤᠯᠠᠨ ᠨᠡᠶ᠋ᠢᠲᠡ ᠵᠢᠨ ᠲᠣᠭ᠎ᠠ ᠪᠠᠷᠢᠮᠲᠠ ᠵᠢᠨ ᠬᠠᠷᠢᠯᠴᠠᠨ ᠬᠣᠯᠪᠣᠭ᠋ᠠᠯᠠᠵᠤ ᠬᠠᠮᠲᠤ᠎ᠪᠠᠷ ᠡᠳ᠋ᠯᠡᠬᠦ ᠵᠢ ᠲᠦᠯᠬᠢᠨ ᠠᠬᠢᠭᠤᠯᠵᠤ᠂ ᠥᠪᠥᠷ ᠮᠣᠩᠭᠣᠯ᠎ᠤᠨ ᠲᠣᠮᠤ ᠳ᠋ᠠᠢ᠌ᠲ᠋ᠠ ᠵᠢᠨ ᠠᠷᠠᠯᠵᠢᠶᠠᠨ᠎ᠤ ᠲᠠᠪᠴᠠᠩ᠎ᠢ ᠪᠦᠳᠦᠭᠡᠨ ᠪᠠᠢ᠌ᠭᠤᠯᠤᠨ᠂ ᠠᠵᠢᠯ ᠲᠦᠷᠦᠯ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠪᠠ ᠲᠤᠬᠠᠶ᠋ᠢᠯᠠᠭᠰᠠᠨ ᠠᠵᠢᠯ᠎ᠤᠨ ᠲᠠᠯ᠎ᠠ᠎ᠪᠠᠷ ᠬᠠᠮᠲᠤᠷᠠᠯᠴᠠᠬᠤ ᠵᠢ ᠪᠡᠶᠡᠯᠡᠭᠦᠯᠦᠨ᠎ᠡ᠃ ᠠᠵᠤ ᠦᠢ᠍ᠯᠡᠳᠪᠦᠷᠢ ᠵᠢᠨ ᠶᠡᠬᠡ ᠲᠣᠭ᠎ᠠ ᠪᠠᠷᠢᠮᠲᠠ ᠵᠢᠨ ᠠᠵᠤ ᠦᠢ᠍ᠯᠡᠰ᠎ᠢ ᠬᠦᠭᠵᠢᠭᠦᠯᠵᠦ᠂ ᠶᠡᠬᠡ ᠲᠣᠭ᠎ᠠ ᠪᠠᠷᠢᠮᠳᠠ ᠵᠢᠨ ᠰᠤᠳᠤᠯᠤᠨ ᠨᠡᠬᠡᠬᠡᠵᠦ ᠵᠢᠷᠤᠵᠤ ᠲᠦᠯᠦᠪᠯᠡᠬᠦ᠂ ᠦᠢ᠍ᠯᠡᠳᠪᠦᠷᠢᠯᠡᠬᠦ᠂ ᠡᠵᠡᠩᠨᠡᠨ ᠬᠠᠮᠢᠶᠠᠷᠬᠤ᠂ ᠵᠠᠬ᠎ᠠ ᠳᠡᠯᠭᠡᠭᠦᠷ᠎ᠤᠨ ᠪᠣᠷᠣᠯᠠᠭᠤᠯᠤᠯᠲᠠ᠂ ᠬᠤᠳᠠᠯᠳᠤᠭᠰᠠᠨ᠎ᠤ ᠬᠣᠶ᠋ᠢᠨᠠᠬᠢ ᠦᠢ᠍ᠯᠡᠴᠢᠯᠡᠭᠡ ᠵᠡᠷᠭᠡ ᠦᠢ᠍ᠯᠡᠳᠬᠦᠨ᠎ᠤ ᠪᠦᠬᠦ ᠠᠮᠢ ᠨᠠᠰᠤᠨ᠎ᠤ ᠡᠭᠡᠯᠵᠢᠲᠦ ᠬᠤᠭᠤᠴᠠᠭ᠎ᠠ᠂ ᠠᠵᠤ ᠦᠢ᠍ᠯᠡᠰ᠎ᠤᠨ ᠬᠡᠯᠬᠢᠶ᠎ᠡ ᠵᠢᠨ ᠪᠦᠬᠦ ᠶᠠᠪᠤᠴᠠ ᠵᠢᠨ ᠡᠯ᠎ᠡ ᠵᠠᠩᠭᠢᠯᠠᠭ᠎ᠠ ᠵᠡᠷᠭᠡ᠎ᠳᠠᠬᠢ ᠬᠡᠷᠡᠭᠯᠡᠯᠲᠡ ᠵᠢ ᠲᠦᠯᠬᠢᠨ ᠠᠬᠢᠭᠤᠯᠵᠤ᠂ ᠲᠣᠮᠤ ᠳ᠋ᠠᠢ᠌ᠲ᠋ᠠ᠂ ᠪᠣᠳᠠᠰᠯᠢᠭ ᠬᠣᠯᠪᠤᠭ᠋ᠠᠲᠤ ᠰᠦᠯᠵᠢᠶ᠎ᠡ᠂ ᠡᠭᠦᠯᠡᠨ ᠪᠣᠳᠤᠯᠲᠠ ᠪᠠ 3 D ᠳᠠᠷᠤᠮᠠᠯᠯᠠᠬᠤ ᠮᠡᠷᠭᠡᠵᠢᠯ᠂ ᠥᠪᠡᠷᠮᠢᠴᠡ ᠣᠨᠴᠠᠯᠢᠭᠲᠤ ᠦᠢ᠍ᠯᠡᠳᠬᠦᠢ ᠵᠡᠷᠭᠡ ᠪᠣᠯᠪᠠᠰᠤᠷᠠᠭᠤᠯᠬᠤ ᠠᠵᠤ ᠦᠢ᠍ᠯᠡᠳᠪᠦᠷᠢ ᠵᠢᠨ ᠪᠦᠬᠦ ᠠᠵᠤ ᠦᠢ᠍ᠯᠡᠰ᠎ᠤᠨ ᠬᠡᠯᠬᠢᠶ᠎ᠡ᠎ᠳᠠᠬᠢ ᠬᠤᠷᠠᠮᠠᠯ ᠬᠡᠷᠡᠭᠯᠡᠯᠲᠡ ᠵᠢ ᠲᠦᠯᠬᠢᠨ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠵᠢᠨ ᠲᠣᠮᠤ ᠳ᠋ᠠᠢ᠌ᠲ᠋ᠠ ᠵᠢ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ᠎ᠳᠤ ᠬᠣᠯᠪᠣᠭᠳᠠᠬᠤ ᠲᠣᠮᠤ ᠳ᠋ᠠᠢ᠌ᠲ᠋ᠠ ᠵᠢᠨ ᠲᠥᠪ᠎ᠢ ᠪᠠᠢ᠌ᠭᠤᠯᠤᠨ ᠠᠬᠢᠭᠤᠯᠵᠤ᠂ ᠡᠯ᠎ᠡ ᠭᠠᠵᠠᠷ ᠣᠷᠣᠨ᠂ ᠡᠯ᠎ᠡ ᠠᠵᠢᠯ ᠲᠥᠷᠥᠯ᠂ ᠡᠯ᠎ᠡ ᠬᠦᠷᠢᠶᠡᠨ᠎ᠳᠠᠬᠢ ᠲᠠᠷᠢᠶᠠᠯᠠᠩ ᠮᠠᠯ ᠠᠵᠤ ᠠᠬᠤᠶ᠎ᠳᠤ ᠬᠣᠯᠪᠣᠭᠳᠠᠬᠤ ᠲᠣᠭ᠎ᠠ ᠪᠠᠷᠢᠮᠲᠠ ᠵᠢᠨ ᠡᠬᠢ ᠪᠠᠶᠠᠯᠢᠭ᠎ᠤᠨ ᠬᠠᠮᠲᠤᠪᠠᠷ ᠡᠳ᠋ᠯᠡᠬᠦ ᠨᠡᠬᠡᠬᠡᠯᠲᠡ ᠵᠢ ᠲᠦᠯᠬᠢᠨ ᠠᠬᠢᠭᠤᠯᠵᠤ᠂ ᠲᠣᠭ᠎ᠠ ᠪᠠᠷᠢᠮᠲᠠ ᠵᠢᠨ ᠡᠬᠢ ᠪᠠᠶᠠᠯᠢᠭ᠎ᠢ ᠨᠡᠬᠡᠬᠡᠨ ᠠᠭᠤᠳᠠᠯᠯᠠᠵᠤ ᠬᠡᠷᠡᠭᠯᠡᠬᠦ ᠵᠢ ᠴᠢᠩᠭ᠋ᠠᠳᠬᠠᠨ᠎ᠠ᠃ ᠰᠢᠨ᠎ᠡ᠎ᠪᠠᠷ ᠬᠦᠭᠵᠢᠭᠰᠡᠨ ᠲᠣᠮᠤ ᠳ᠋ᠠᠢ᠌ᠲ᠋ᠠ ᠵᠢᠨ ᠠᠵᠤ ᠦᠢ᠍ᠯᠡᠰ᠎ᠢ ᠬᠦᠭᠵᠢᠭᠦᠯᠵᠦ᠂ ᠢᠨᠲᠸᠷ ᠰᠦᠯᠵᠢᠶ᠎ᠡ ᠵᠢᠨ ᠮᠥᠩᠭᠥᠨ ᠭᠦᠢ᠍ᠯᠭᠡᠭᠡ᠂ ᠲᠣᠭ᠎ᠠ ᠪᠠᠷᠢᠮᠲᠠ ᠵᠢᠨ ᠠᠵᠢᠯ᠂ ᠲᠣᠭ᠎ᠠ ᠪᠠᠷᠢᠮᠲᠠ ᠵᠢ ᠰᠢᠢ᠍ᠳᠪᠦᠷᠢᠯᠡᠵᠦ ᠵᠠᠳᠠᠯᠬᠤ ᠵᠡᠷᠭᠡ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠶᠡᠬᠡᠪᠡᠷ ᠪᠣᠶ᠋ᠢᠵᠢᠭᠤᠯᠵᠤ᠂ ᠬᠦᠷᠢᠶ᠎ᠡ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠲᠣᠭ᠎ᠠ ᠪᠠᠷᠢᠮᠳᠠ ᠵᠢᠨ ᠠᠭᠤᠰᠤᠯᠴᠠᠯ ᠪᠠ ᠬᠠᠮᠵᠢᠯᠴᠠᠭ᠎ᠠ ᠵᠢᠨ ᠰᠢᠨ᠎ᠡ ᠵᠢ ᠡᠭᠦᠳᠬᠦ ᠵᠢ ᠠᠬᠢᠭᠤᠯᠵᠤ᠂ ᠬᠠᠮᠵᠢᠯᠴᠠᠨ ᠬᠥᠭᠵᠢᠬᠦ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠂ ᠰᠢᠨ᠎ᠡ ᠵᠠᠭᠪᠤᠷ᠎ᠢ ᠬᠠᠶ᠋ᠢᠨ ᠰᠦᠪᠡᠭᠴᠢᠯᠡᠨ᠎ᠡ᠃
      ᠬᠦᠲᠦᠯᠦᠭᠴᠢ᠄
     《13᠂ 5》᠎ᠤᠨ ᠡᠭᠦᠯᠡᠨ ᠪᠣᠳᠤᠯᠲᠠ ᠵᠢᠨ ᠠᠵᠤ ᠦᠢ᠍ᠯᠡᠰ᠎ᠤᠨ ᠬᠦᠭᠵᠢᠯᠲᠡ ᠵᠢᠨ ᠬᠠᠷᠠᠯᠲᠠ ᠵᠢ ᠪᠡᠶᠡᠯᠡᠭᠦᠯᠬᠦ ᠵᠢᠨ ᠲᠤᠰᠠᠳᠠ᠂ ᠦᠪᠦᠷ ᠮᠣᠩᠭᠣᠯ ᠶᠠᠮᠠᠷ ᠰᠢᠤ ᠪᠣᠳᠠᠲᠠᠢ ᠲᠥᠷᠦ ᠵᠢᠨ ᠪᠣᠳᠤᠯᠭ᠎ᠠ ᠠᠷᠭ᠎ᠠ ᠬᠡᠮᠵᠢᠶ᠎ᠡ ᠠᠪᠤᠭᠰᠠᠨ ᠪᠣᠢ?
      ᠸᠸᠢ ᠰᠢᠶᠤᠤ ᠮᠢᠩ᠄
      ᠦᠪᠦᠷ ᠮᠣᠩᠭᠣᠯ ᠪᠣᠯ ᠮᠠᠨ᠎ᠤ ᠤᠯᠤᠰ᠎ᠤᠨ ᠴᠦᠬᠡᠨ ᠲᠣᠭ᠋ᠠᠲᠤ ᠦᠨᠳᠦᠰᠦᠲᠡᠨ᠎ᠤ ᠣᠷᠤᠨ᠎ᠤ ᠦᠪᠡᠷᠲᠡᠭᠡᠨ ᠵᠠᠰᠠᠬᠤ ᠲᠥᠷᠦ ᠵᠢᠨ ᠪᠣᠳᠤᠯᠭ᠎ᠠ ᠵᠢ ᠬᠦᠷᠲᠡᠵᠦ ᠪᠠᠢ᠌ᠬᠤ ᠴᠣᠷ᠎ᠤᠨ ᠭᠠᠭᠴᠠ ᠣᠷᠤᠨ ᠪᠣᠯᠬᠤ ᠪᠦᠭᠡᠳ ᠪᠠᠰᠠ ᠪᠠᠷᠠᠭᠤᠨ ᠤᠷᠤᠨ᠎ᠢ ᠶᠡᠬᠡᠪᠡᠷ ᠨᠡᠬᠡᠬᠡᠨ ᠬᠦᠭᠵᠢᠭᠦᠯᠬᠦ ᠪᠠ ᠵᠡᠭᠦᠨ ᠬᠣᠢ᠌ᠲᠤ ᠵᠢ ᠮᠠᠨᠳᠤᠭᠤᠯᠬᠤ ᠬᠠᠷᠠᠭ᠋ᠠᠯᠵᠠᠯ᠎ᠤᠨ ᠲᠥᠷᠦ ᠵᠢᠨ ᠪᠣᠳᠤᠯᠭ᠎ᠠ ᠵᠢ ᠬᠦᠷᠲᠡᠵᠦ ᠪᠠᠢ᠌ᠬᠤ ᠤᠷᠤᠨ ᠮᠦᠨ᠂ ᠪᠡᠯᠡ ᠣᠷᠤᠭᠤᠯᠤᠯᠲᠠ ᠵᠢᠨ ᠣᠷᠴᠢᠨ ᠲᠣᠭᠤᠷᠢᠨ ᠳᠠᠪᠠᠭᠤᠯᠢᠭ ᠪᠠᠢ᠌ᠵᠤ᠂ ᠡᠭᠦᠯᠡᠨ ᠪᠣᠳᠤᠯᠲᠠ ᠵᠢᠨ ᠠᠵᠤ ᠦᠢ᠍ᠯᠡᠰ᠎ᠤᠨ ᠬᠦᠭᠵᠢᠯᠲᠡ᠎ᠳᠤ ᠬᠦᠴᠦᠲᠡᠢ ᠲᠥᠰᠢᠭ ᠲᠤᠯᠭ᠋ᠠᠭᠤᠷᠢ ᠬᠠᠩᠭ᠋ᠠᠵᠤ ᠪᠠᠢ᠌ᠨ᠎ᠠ᠃ ᠭᠠᠢ᠌ᠯᠢ ᠲᠠᠲᠠᠪᠤᠷᠢ ᠵᠢᠨ ᠲᠠᠯ᠎ᠠ᠎ᠪᠠᠷ᠂ ᠤᠯᠤᠰ᠎ᠤᠨ 《ᠪᠠᠷᠠᠭᠤᠨ ᠤᠷᠤᠨ᠎ᠢ ᠵᠣᠷᠢᠭᠵᠢᠭᠤᠯᠬᠤ ᠲᠦᠷᠦᠯ᠎ᠤᠨ ᠠᠵᠤ ᠦᠢ᠍ᠯᠡᠰ᠎ᠤᠨ ᠭᠠᠷᠴᠠᠭ》᠎ᠲᠠᠢ ᠨᠡᠢ᠌ᠴᠡᠭᠰᠡᠨ ᠡᠭᠦᠯᠡᠨ ᠪᠣᠳᠤᠯᠲᠠ ᠵᠢᠨ ᠠᠵᠤ ᠦᠢ᠍ᠯᠡᠰ᠎ᠤᠨ ᠲᠦᠷᠦᠯ ᠵᠦᠢ᠍ᠯ᠎ᠨᠢ ᠠᠵᠤ ᠠᠬᠤᠢ᠌ᠯᠠᠯ᠎ᠤᠨ ᠣᠯᠵᠠᠪᠤᠷᠢ ᠵᠢᠨ ᠭᠠᠢ᠌ᠯᠢ ᠵᠢ 15%᠎ᠪᠠᠷ ᠬᠦᠩᠭᠡᠷᠡᠭᠦᠯᠵᠦ ᠪᠣᠯᠤᠨ᠎ᠠ᠃ ᠬᠡᠷᠡᠭᠯᠡᠬᠦ ᠭᠠᠵᠠᠷ ᠣᠷᠤᠨ᠎ᠤ ᠲᠠᠯ᠎ᠠ᠎ᠪᠠᠷ᠂ ᠭᠠᠵᠠᠷ ᠨᠤᠲᠤᠭ᠎ᠤᠨ ᠬᠠᠩᠭ᠋ᠠᠯᠭ᠎ᠠ ᠪᠦᠷᠢᠨ ᠭᠦᠢ᠍ᠴᠡᠳ᠂ ᠦᠨ᠎ᠡ ᠬᠠᠩᠰᠢ ᠵᠢᠨ ᠳᠠᠪᠠᠭᠤᠯᠢᠭ ᠢᠯᠡᠷᠬᠡᠢ ᠪᠠᠢ᠌ᠵᠤ᠂ ᠠᠵᠤ ᠠᠬᠤᠢ ᠨᠡᠯᠢᠶᠡᠳ ᠬᠦᠭᠵᠢᠭᠰᠡᠨ ᠬᠦᠬᠡᠬᠣᠲᠠ ᠪᠣᠭᠤᠲᠤ ᠤᠷᠳᠤᠰ ᠭᠠᠵᠠᠷ ᠤᠷᠤᠨ᠎ᠤ ᠬᠡᠷᠡᠭᠯᠡᠬᠦ ᠭᠠᠵᠠᠷ᠎ᠤᠨ ᠳᠤᠮᠳᠠᠴᠢ ᠦᠨ᠎ᠡ᠎ᠨᠢ ᠳᠠᠯᠠᠢ ᠳᠠᠭ᠋ᠠᠤ ᠬᠦᠭᠵᠢᠭᠰᠡᠨ ᠮᠤᠵᠢ ᠬᠣᠲᠠ ᠵᠢᠨ ᠬᠠᠭ᠋ᠠᠰ᠎ᠢ ᠴᠦ᠍ ᠬᠦᠷᠬᠦ ᠦᠭᠡᠢ᠃ ᠦᠨ᠎ᠡ ᠬᠠᠩᠰᠢ ᠵᠢᠨ ᠲᠠᠯ᠎ᠠ᠎ᠪᠠᠷ᠂ ᠪᠦᠬᠦ ᠤᠯᠤᠰ᠎ᠲᠤ ᠬᠠᠮᠤᠭ᠎ᠠᠴᠠ ᠳᠣᠣᠷ᠎ᠠ ᠶᠡᠬᠡ ᠬᠡᠯᠪᠡᠷᠢ ᠵᠢᠨ ᠡᠭᠦᠯᠡᠨ ᠪᠣᠳᠤᠯᠲᠠ ᠵᠢᠨ ᠲᠣᠭ᠎ᠠ ᠪᠠᠷᠢᠮᠳᠠ ᠵᠢᠨ ᠲᠥᠪ᠎ᠤᠨ ᠬᠠᠷᠠᠭ᠋ᠠᠯᠵᠠᠯᠲᠤ ᠴᠠᠬᠢᠯᠭ᠋ᠠᠨ ᠬᠦᠴᠦᠨ᠎ᠤ ᠦᠨ᠎ᠡ ᠬᠠᠩᠰᠢ ᠵᠢᠨ ᠲᠥᠷᠦ ᠵᠢᠨ ᠪᠣᠳᠤᠯᠭ᠎ᠠ ᠵᠢ ᠲᠣᠭᠲᠠᠭ᠋ᠠᠵᠤ᠂ ᠬᠡᠷᠡᠭᠯᠡᠬᠦ ᠴᠠᠬᠢᠯᠭ᠋ᠠᠨ᠎ᠤ ᠦᠨ᠎ᠡ᠎ᠨᠢ ᠭ᠋ᠷᠠᠳᠦ᠋ᠰ ᠪᠦᠷᠢ᠎ᠳᠡᠭᠡᠨ ᠵᠦᠪᠬᠡᠨ 0.38 ᠲᠦᠭᠦᠷᠢᠭ ᠪᠣᠯᠤᠨ᠎ᠠ᠃ ᠣᠳᠣ ᠶᠠᠭ ᠦᠷᠭᠡᠨ ᠪᠦᠰᠡᠲᠦ ᠰᠦᠯᠵᠢᠶ᠎ᠡ ᠵᠢᠨ ᠬᠠᠷᠠᠭ᠋ᠠᠯᠵᠠᠯᠲᠤ ᠦᠨ᠎ᠡ ᠬᠠᠩᠰᠢ ᠵᠢᠨ ᠲᠥᠷᠦ ᠵᠢᠨ ᠪᠣᠳᠤᠯᠭ᠎ᠠ ᠵᠢ ᠰᠣᠳᠤᠯᠤᠨ ᠲᠣᠭᠲᠠᠭ᠋ᠠᠵᠤ᠂ ᠪᠦᠬᠦ ᠤᠯᠤᠰ᠎ᠤᠨ ᠬᠠᠮᠤᠭ᠎ᠤᠨ ᠳᠣᠣᠷ᠎ᠠ ᠬᠡᠮᠵᠢᠶᠡᠨ᠎ᠳᠤ ᠪᠠᠢ᠌ᠯᠭ᠋ᠠᠬᠤ᠎ᠪᠠᠷ ᠴᠢᠷᠮᠠᠢ᠌ᠵᠤ ᠪᠠᠢ᠌ᠨ᠎ᠠ᠃ ᠴᠢᠳᠠᠪᠤᠷᠢᠲᠠᠨ᠎ᠤ ᠲᠠᠯ᠎ᠠ᠎ᠪᠠᠷ᠂ 《ᠲᠠᠯ᠎ᠠ ᠨᠤᠲᠤᠭ᠎ᠤᠨ ᠰᠣᠳᠣᠴᠤᠤᠯ》 ᠵᠡᠷᠭᠡ ᠴᠢᠳᠠᠪᠤᠷᠢᠲᠠᠨ ᠣᠷᠤᠭᠤᠯᠬᠤ ᠲᠥᠷᠦ ᠵᠢᠨ ᠪᠣᠳᠤᠯᠭ᠎ᠠ ᠵᠢ ᠲᠣᠭᠲᠠᠭ᠋ᠠᠵᠤ᠂ ᠣᠷᠤᠨ ᠰᠠᠭᠤᠴᠠ᠂ ᠡᠷᠦᠬᠡ ᠠᠮᠠ ᠣᠷᠣᠬᠤ᠂ ᠬᠣᠯᠪᠣᠰᠤ ᠪᠠ ᠦᠷ᠎ᠡ ᠬᠡᠤᠬᠡᠳ᠎ᠢ᠎ᠨᠢ ᠲᠥᠪᠬᠢᠨᠡᠭᠦᠯᠬᠦ᠂ ᠰᠢᠨ᠎ᠡ ᠵᠢ ᠡᠭᠦᠳᠴᠦ ᠠᠳᠠᠯ ᠦᠢ᠍ᠯᠡᠰ ᠴᠣᠭᠴᠠᠯᠠᠬᠤ ᠵᠢ ᠳᠡᠳᠬᠦᠬᠦ᠂ ᠰᠢᠨᠵᠢᠯᠡᠬᠦ ᠤᠬᠠᠭ᠋ᠠᠨ ᠰᠤᠳᠤᠯᠭ᠋ᠠᠨ᠎ᠤ ᠲᠦᠷᠦᠯ ᠵᠦᠢ᠍ᠯ᠎ᠢ ᠭᠤᠶᠤᠴᠢᠯᠠᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠱᠠᠩᠨᠠᠬᠤ ᠵᠡᠷᠭᠡ ᠲᠠᠯ᠎ᠠ᠎ᠪᠠᠷ ᠶᠡᠬᠡ ᠬᠦᠴᠦᠨ ᠵᠶ᠋ᠡᠷ ᠳᠡᠮᠵᠢᠨ᠎ᠡ᠃
      ᠬᠦᠲᠦᠯᠦᠭᠴᠢ᠄
      ᠵᠠ᠂ ᠸᠸᠢ ᠡᠷᠬᠢᠯᠡᠭᠴᠢ ᠵᠢᠨ ᠨᠠᠷᠢᠨ ᠲᠠᠢ᠌ᠯᠤᠮᠵᠢ᠎ᠳᠤ ᠮᠠᠰᠢ ᠲᠠᠯᠠᠷᠬᠠᠯ᠎ᠠ᠂ ᠮᠦᠨᠴᠦ ᠰᠦᠯᠵᠢᠶᠡᠨ᠎ᠤ ᠠᠨᠳᠠ ᠨᠠᠷ᠎ᠤᠨ ᠣᠷᠤᠯᠴᠠᠭᠰᠠᠨ᠎ᠳᠤ ᠲᠠᠯᠠᠷᠬᠠᠵᠤ ᠪᠠᠢ᠌ᠨ᠎ᠠ᠂ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠶᠠᠷᠢᠯᠴᠠᠭ᠎ᠠ ᠡᠨᠳᠡ ᠬᠦᠷᠦᠭᠡᠳ ᠲᠡᠭᠦᠰᠦᠯ᠎ᠡ᠂ ᠳᠠᠷᠠᠭ᠋ᠠᠴᠢ ᠵᠢᠨ ᠳ᠋ᠤᠭ᠋ᠠᠷ᠎ᠲᠤ᠎ᠪᠠᠨ ᠪᠠᠶᠠᠷᠲᠠᠢ ᠠᠭᠤᠯᠵᠠᠶ᠎ᠠ!


     2015 ᠣᠨ᠎ᠤ ᠦᠪᠦᠷ ᠮᠣᠩᠭᠣᠯ᠎ᠤᠨ ᠡᠭᠦᠯᠡᠨ ᠪᠣᠳᠤᠯᠲᠠ ᠵᠢᠨ ᠠᠵᠤ ᠦᠢ᠍ᠯᠡᠰ᠎ᠤᠨ ᠲᠠᠨᠢᠯᠴᠠᠭᠤᠯᠬᠤ ᠬᠤᠷᠠᠯ ᠪᠡᠭᠡᠵᠢᠩ᠎ᠳᠤ ᠬᠤᠷᠠᠯᠳᠤᠪᠠ

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡᠪᠡᠷ ᠠᠪᠴᠤ ᠠᠮᠢ ᠠᠬᠤᠶ ᠵᠢᠨ ᠰᠠᠭᠤᠷᠢᠰᠢᠬᠤ᠎ᠳᠤ ᠲᠣᠬᠢᠷᠠᠮᠵᠢᠲᠠᠶ ᠰᠠᠶ᠋ᠢᠬᠠᠨ ᠬᠣᠲᠠ ᠵᠢ ᠴᠣᠭᠴᠠᠯᠠᠵᠤ ᠪᠤᠢ
ᠪᠣᠬᠢᠷᠲᠤᠯ ᠦᠭᠡᠢ ᠬᠥᠭᠵᠢᠭᠦᠯᠬᠦ ᠣᠨᠣᠯᠵᠢᠬᠤᠨ᠎ᠢ ᠲᠤᠤᠱᠯᠠᠭᠤᠯᠵᠤ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠠᠵᠢᠯ᠎ᠢ ᠲᠦᠯᠬᠢᠨ ᠠᠬᠢᠭᠤᠯᠤᠶ᠎ᠠ
ᠨᠡᠭᠦᠷᠡᠰᠦᠨ ᠦᠢ᠍ᠯᠡᠳᠪᠦᠷᠢᠯᠡᠯ᠎ᠤᠨ ᠦᠯᠡᠬᠦᠦ ᠴᠢᠳᠠᠪᠤᠷᠢ ᠵᠢ ᠴᠢᠷᠮᠠᠶ᠋ᠢᠨ ᠦᠭᠡᠢ᠌ᠰᠬᠡᠵᠦ ᠨᠡᠭᠦᠷᠡᠰᠦᠨ᠎ᠤ ᠠᠵᠤ ᠦᠢ᠍ᠯᠡᠳᠪᠦᠷᠢ ᠵᠢᠨ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠬᠢᠭᠤᠯᠤᠶ᠎ᠠ
《ᠬᠥᠯᠥᠨ ᠪᠤᠢ᠍ᠢ᠍ᠷ᠎ᠤᠨ ᠳᠤᠮᠳᠠᠳᠤ ᠤᠷᠤᠰ ᠮᠣᠩᠭᠣᠯ᠎ᠤᠨ ᠬᠠᠮᠲᠤᠷᠠᠯᠴᠠᠭ᠎ᠠ ᠵᠢᠨ ᠬᠣᠰᠢᠭᠤᠴᠢ ᠣᠷᠣᠨ᠎ᠤ ᠪᠥᠳᠥᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ》 ᠵᠢ ᠬᠢᠨᠠᠮᠠᠭ᠋ᠠᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠳᠡ ᠵᠢᠨ ᠬᠥᠭᠥᠷᠭᠡᠨ ᠪᠡᠬᠢᠯᠡᠯᠲᠡ ᠵᠢ ᠲᠦᠷᠭᠡᠳᠭᠡᠨ ᠪᠦᠲᠦᠭᠡᠨ ᠪᠠᠢ᠌ᠭᠤᠯᠤᠶ᠎ᠠ
ᠲᠠᠪᠤᠨ ᠶᠡᠬᠡ ᠡᠭᠦᠷᠭᠡ ᠵᠢ ᠰᠠᠶ᠋ᠢᠲᠤᠷ ᠠᠳᠬᠤᠵᠤ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠲᠦᠯᠬᠢᠨ ᠠᠬᠢᠭᠤᠯᠤᠶ᠎ᠠ
 
            