ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡᠪᠡᠷ ᠠᠪᠴᠤ ᠠᠮᠢ ᠠᠬᠤᠶ ᠵᠢᠨ ᠰᠠᠭᠤᠷᠢᠰᠢᠬᠤ᠎ᠳᠤ ᠲᠣᠬᠢᠷᠠᠮᠵᠢᠲᠠᠶ ᠰᠠᠶ᠋ᠢᠬᠠᠨ ᠬᠣᠲᠠ ᠵᠢ ᠴᠣᠭᠴᠠᠯᠠᠵᠤ ᠪᠤᠢ
ᠨᠡᠶ᠋ᠢᠲᠡᠯᠡᠭᠰᠡᠨ ᠴᠠᠭ᠄ 2016-02-24

     

      ᠰᠤᠷᠪᠤᠯᠵᠢᠯᠠᠭᠰᠠᠨ ᠴᠠᠭ᠄
     2016 ᠣᠨ᠎ᠤ 1 ᠳ᠋ᠦ᠍ᠭᠡᠷ ᠰᠠᠷ᠎ᠠ ᠵᠢᠨ 15᠎ᠤ ᠡᠳᠦᠷ᠎ᠤᠨ ᠦᠳᠡ ᠵᠢᠨ ᠡᠮᠦᠨᠡᠬᠢ 10 ᠴᠠᠭ
      ᠰᠤᠷᠪᠤᠯᠵᠢᠯᠠᠭᠰᠠᠨ ᠵᠣᠴᠢᠨ᠄
      ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠵᠢᠨ ᠳᠡᠳ᠋ ᠳᠠᠷᠤᠭ᠎ᠠ ᠸᠠᠩ ᠹᠦ᠋ ᠱᠦᠨ
      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
      ᠡᠨᠡ ᠵᠢᠯ ᠪᠣᠯ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠰᠢᠨ᠎ᠡ ᠰᠠᠭᠤᠴᠠ᠎ᠳᠤ ᠰᠢᠯᠵᠢᠭᠰᠡᠨ ᠠᠷᠪᠠᠨ ᠨᠢᠭᠡᠳᠡᠬᠢ ᠵᠢᠯ ᠪᠣᠯᠣᠨ᠎ᠠ᠂ ᠠᠷᠪᠠ ᠭᠠᠷᠤᠶ ᠵᠢᠯ᠎ᠤᠨ ᠴᠢᠷᠮᠠᠶ᠋ᠢᠯᠭ᠎ᠠ᠎ᠪᠠᠷ ᠳᠠᠮᠵᠢᠭ᠋ᠠᠳ᠂ ᠰᠢᠶᠠᠨ᠎ᠤ ᠵᠠᠰᠠᠭ᠎ᠤᠨ ᠣᠷᠳᠣᠨ᠎ᠤ ᠪᠠᠢ᠌ᠭ᠎ᠠ ᠬᠣᠷᠴᠢᠨ ᠪᠠᠯᠭ᠋ᠠᠰᠤ᠎ᠨᠢ ᠤᠯᠤᠰ᠎ᠤᠨ ᠲᠡᠰ᠎ᠤᠨ ᠡᠷᠡᠭᠦᠯ ᠬᠠᠮᠠᠭ᠋ᠠᠯᠠᠯ᠎ᠤᠨ ᠰᠢᠶᠠᠨ᠎ᠤ ᠬᠣᠲᠠ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠴᠡᠴᠡᠷᠯᠢᠭ ᠰᠢᠶᠠᠨ᠎ᠤ ᠬᠣᠲᠠ ᠪᠣᠯᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠨᠢ ᠴᠦ᠍ ᠬᠥᠮᠥᠨ ᠪᠦᠬᠦᠨ᠎ᠤ ᠨᠢᠳᠦᠨ᠎ᠳᠤ ᠢᠯᠡᠷᠬᠡᠢ ᠪᠠᠢ᠌ᠭ᠎ᠠ᠃ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠵᠢᠨ ᠠᠷᠪᠠ ᠭᠠᠷᠤᠶ ᠵᠢᠯ᠎ᠤᠨ ᠲᠤᠷᠰᠢᠬᠢ ᠬᠤᠳᠠ ᠵᠢᠨ ᠪᠦᠳᠦᠭᠡᠨ ᠪᠠᠶ᠋ᠢᠭᠤᠯᠤᠯᠲᠠ ᠵᠢᠨ ᠬᠥᠭᠵᠢᠯᠲᠡ ᠵᠢᠨ ᠪᠠᠶ᠋ᠢᠳᠠᠯ᠎ᠢ ᠨᠠᠷᠢᠨ ᠣᠢ᠌ᠯᠠᠭ᠋ᠠᠬᠤ ᠵᠢᠨ ᠲᠥᠯᠥᠭᠡ᠂ ᠣᠶ᠋ᠢᠷ᠎ᠠ᠎ᠳᠤ᠂ ᠪᠢᠳᠡ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠵᠢᠨ ᠳᠡᠳ᠋ ᠳᠠᠷᠤᠭ᠎ᠠ ᠸᠠᠩ ᠹᠦ᠋ ᠱᠦᠨ᠎ᠢ ᠤᠷᠢᠨ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ ᠳᠡᠭᠡᠷ᠎ᠡ ᠲᠠ ᠪᠦᠬᠦᠨ᠎ᠲᠠᠢ 《ᠠᠮᠢ ᠠᠬᠤᠶ ᠵᠢᠨ ᠰᠠᠭᠤᠷᠢᠰᠢᠬᠤ᠎ᠳᠤ ᠲᠣᠬᠢᠷᠠᠮᠵᠢᠲᠠᠶ ᠰᠠᠶ᠋ᠢᠬᠠᠨ ᠬᠣᠲᠠ ᠵᠢ ᠬᠡᠷᠬᠢᠨ ᠴᠣᠭᠴᠠᠯᠠᠬᠤ》 ᠭᠡᠰᠡᠨ ᠭᠣᠣᠯ ᠰᠡᠳᠦᠪ ᠵᠶ᠋ᠡᠷ ᠶᠠᠷᠢᠯᠴᠠᠭᠤᠯᠬᠤ ᠪᠣᠯᠪᠠ᠃ ᠲᠤᠬᠠᠶ ᠵᠢᠨ ᠦᠶ᠎ᠡ᠎ᠳᠤ᠂ ᠥᠷᠭᠡᠨ ᠣᠯᠠᠨ ᠰᠦᠯᠵᠢᠶᠡᠨ᠎ᠤ ᠠᠨᠳᠠ ᠨᠠᠷ᠎ᠤᠨ ᠢᠳᠡᠪᠬᠢᠲᠡᠶ ᠣᠷᠣᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ!
               

              ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ᠄
      ᠬᠥᠲᠥᠯᠥᠭᠴᠢ᠄
      ᠰᠦᠯᠵᠢᠶᠡᠨ᠎ᠤ ᠠᠨᠳᠠ ᠨᠠᠷ ᠰᠠᠢ᠌ᠨ ᠪᠠᠢ᠌ᠵᠠᠭ᠋ᠠᠨ᠎ᠠ ᠤᠤ᠂ ᠲᠠ ᠪᠦᠬᠦᠨ ᠲᠤᠰ ᠬᠤᠭᠤᠴᠠᠭ᠋ᠠᠨ᠎ᠤ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢᠨ ᠪᠣᠯᠤᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠳᠤᠵᠤ ᠪᠠᠢ᠌ᠨ᠎ᠠ᠃ ᠪᠢᠳᠠᠨ᠎ᠤ ᠦᠨᠦᠳᠦᠷ᠎ᠤᠨ ᠤᠷᠢᠭᠰᠠᠨ ᠵᠣᠴᠢᠨ ᠪᠣᠯ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠵᠢᠨ ᠳᠡᠳ᠋ ᠳᠠᠷᠤᠭ᠎ᠠ ᠸᠠᠩ ᠹᠦ᠋ ᠱᠦᠨ ᠪᠣᠯᠣᠨ᠎ᠠ᠂ ᠲᠡᠷᠡ 《ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡᠪᠡᠷ ᠠᠪᠴᠤ ᠠᠮᠢ ᠠᠬᠤᠶ ᠵᠢᠨ ᠰᠠᠭᠤᠷᠢᠰᠢᠬᠤ᠎ᠳᠤ ᠲᠣᠬᠢᠷᠠᠮᠵᠢᠲᠠᠶ ᠰᠠᠶ᠋ᠢᠬᠠᠨ ᠬᠣᠲᠠ ᠵᠢ ᠴᠣᠭᠴᠠᠯᠠᠵᠤ ᠪᠤᠢ》 ᠭᠡᠬᠦ ᠭᠣᠣᠯ ᠰᠡᠳᠦᠪ ᠵᠶ᠋ᠠᠷ ᠲᠠ ᠪᠦᠬᠦᠨ᠎ᠲᠠᠢ ᠰᠦᠯᠵᠢᠶᠡᠨ ᠳᠡᠭᠡᠷ᠎ᠡ ᠵᠣᠭᠤᠭᠳᠠᠬᠤ ᠪᠣᠯᠣᠨ᠎ᠠ᠃ ᠸᠠᠩ ᠳᠠᠷᠤᠭ᠎ᠠ ᠡ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
      ᠸᠠᠩ ᠹᠦ᠋ ᠱᠦᠨ᠄
      ᠬᠥᠲᠥᠯᠥᠭᠴᠢ ᠰᠠᠶ᠋ᠢᠨ ᠤᠤ᠂ ᠰᠦᠯᠵᠢᠶᠡᠨ᠎ᠤ ᠠᠨᠳᠠ ᠨᠠᠷ ᠰᠠᠢ᠌ᠨ ᠪᠠᠢ᠌ᠵᠠᠭ᠋ᠠᠨ᠎ᠠ ᠤᠤ᠃
      ᠬᠥᠲᠥᠯᠥᠭᠴᠢ᠄
      ᠸᠠᠩ ᠬᠣᠰᠢᠭᠤ ᠳᠠᠷᠤᠭ᠎ᠠ ᠡ᠂ ᠡᠨᠡ ᠵᠢᠯ ᠪᠣᠯ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠰᠢᠨ᠎ᠡ ᠰᠠᠭᠤᠴᠠ᠎ᠳᠤ ᠰᠢᠯᠵᠢᠭᠰᠡᠨ ᠠᠷᠪᠠᠨ ᠨᠢᠭᠡᠳᠡᠬᠢ ᠵᠢᠯ ᠪᠣᠯᠣᠨ᠎ᠠ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠣᠯ ᠤᠯᠠᠨ᠎ᠤ ᠨᠢᠳᠤᠨ᠎ᠳᠤ ᠢᠯᠡᠭᠡᠨ ᠪᠠᠢ᠌ᠨ᠎ᠠ᠂ ᠠᠷᠪᠠ ᠭᠠᠷᠤᠶ ᠵᠢᠯ᠎ᠤᠨ ᠴᠢᠷᠮᠠᠶ᠋ᠢᠯᠭ᠎ᠠ᠎ᠪᠠᠷ ᠳᠠᠮᠵᠢᠭ᠋ᠠᠳ᠂ ᠰᠢᠶᠠᠨ᠎ᠤ ᠵᠠᠰᠠᠭ᠎ᠤᠨ ᠣᠷᠳᠣᠨ᠎ᠤ ᠪᠠᠢ᠌ᠭ᠎ᠠ ᠬᠣᠷᠴᠢᠨ ᠪᠠᠯᠭ᠋ᠠᠰᠤ᠎ᠨᠢ ᠤᠯᠤᠰ᠎ᠤᠨ ᠲᠡᠰ᠎ᠤᠨ ᠡᠷᠡᠭᠦᠯ ᠬᠠᠮᠠᠭ᠋ᠠᠯᠠᠯ᠎ᠤᠨ ᠰᠢᠶᠠᠨ᠎ᠤ ᠬᠣᠲᠠ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠴᠡᠴᠡᠷᠯᠢᠭ ᠰᠢᠶᠠᠨ᠎ᠤ ᠬᠣᠲᠠ ᠪᠣᠯᠪᠠ᠂ ᠲᠠ ᠥᠨᠥᠳᠦᠷ᠎ᠤᠨ ᠡ᠊ᠨᠡ ᠲᠣᠬᠢᠶᠠᠯ ᠵᠶ᠋ᠠᠷ ᠥᠷᠭᠡᠨ ᠣᠯᠠᠨ ᠰᠦᠯᠵᠢᠶᠡᠨ ᠠᠨᠳᠠ ᠨᠠᠷ᠎ᠲᠤ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠵᠢᠨ ᠰᠢᠨ᠎ᠡ ᠪᠠᠭᠤᠴᠠ᠎ᠳᠠᠭᠠᠨ ᠨᠡᠭᠦᠭᠰᠡᠨ᠎ᠠᠴᠠ ᠨᠠᠰᠢᠬᠢ ᠪᠦᠳᠤᠭᠡᠨ ᠪᠠᠶ᠋ᠢᠭᠤᠯᠤᠯᠲᠠ ᠵᠢᠨ ᠪᠠᠢ᠌ᠳᠠᠯ᠎ᠢ ᠲᠣᠪᠴᠢ ᠲᠠᠨᠢᠯᠴᠠᠭᠤᠯᠤᠭ᠋ᠠᠳ ᠥᠭᠭᠦᠨ᠎ᠡ ᠤᠤ?
      ᠸᠠᠩ ᠹᠦ᠋ ᠱᠦᠨ᠄
     2005 ᠣᠨ᠎ᠤ 11 ᠳ᠋ᠦ᠍ᠭᠡᠷ ᠰᠠᠷ᠎ᠠ ᠵᠢᠨ 12᠎ᠤᠨ ᠡᠳᠦᠷ᠂ ᠤᠯᠤᠰ᠎ᠤᠨ ᠠᠷᠠᠳ᠎ᠤᠨ ᠶᠠᠪᠤᠳᠠᠯ᠎ᠤᠨ ᠶᠠᠮᠤᠨ ᠵᠶ᠋ᠡᠷ ᠵᠥᠪᠰᠢᠶᠡᠷᠡᠭᠦᠯᠦᠭᠡᠳ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠨᠠᠮ ᠵᠠᠰᠠᠭ᠎ᠤᠨ ᠪᠠᠶ᠋ᠢᠭᠤᠯᠭ᠎ᠠ ᠤᠯᠠᠭ᠋ᠠᠨᠬᠣᠲᠠ᠎ᠠᠴᠠ ᠣᠳᠣ ᠵᠢᠨ ᠬᠣᠷᠴᠢᠨ ᠪᠠᠯᠭ᠋ᠠᠰᠤ᠎ᠳᠤ ᠨᠡᠭᠦᠭᠡᠳ᠂ ᠨᠢᠭᠡ ᠭᠠᠵᠠᠷ᠎ᠲᠤ ᠭᠤᠷᠪᠠᠨ ᠵᠠᠰᠠᠭ᠎ᠤᠨ ᠣᠷᠳᠣᠨ ᠪᠠᠢ᠌ᠬᠤ ᠲᠡᠦᠬᠡᠨ ᠪᠠᠶ᠋ᠢᠳᠠᠯ᠎ᠢ ᠡᠴᠦᠰᠯᠡᠭᠦᠯᠪᠡ᠃ ᠤᠢ᠍ᠢ᠍ᠷ᠎ᠠ ᠵᠢᠨ ᠵᠢᠯ᠎ᠤᠳ᠎ᠲᠤ᠂ ᠪᠢᠳᠠ ᠬᠤᠳᠠ ᠬᠥᠳᠡᠭᠡ ᠵᠢᠨ ᠵᠣᠬᠢᠴᠠᠩᠭᠤᠶ ᠬᠥᠭᠵᠢᠯᠲᠡ ᠵᠢ ᠨᠢᠭᠡᠳᠦᠯᠲᠡᠶ ᠲᠥᠯᠥᠪᠯᠡᠨ᠂ ᠥᠨᠳᠥᠷ ᠲᠦᠪᠰᠢᠨ ᠵᠶ᠋ᠠᠷ ᠣᠷᠣᠨ ᠪᠠᠶ᠋ᠢᠷᠢ ᠲᠣᠭᠲᠠᠭ᠋ᠠᠵᠤ ᠥᠨᠳᠥᠷ ᠪᠠᠷᠢᠮᠵᠢᠶ᠎ᠠ᠎ᠪᠠᠷ ᠪᠦᠳᠦᠭᠡᠨ ᠪᠠᠶ᠋ᠢᠭᠤᠯᠬᠤ ᠵᠢ ᠪᠠᠷᠢᠮᠲᠠᠯᠠᠵᠤ᠂ ᠬᠤᠳᠠ ᠵᠢᠨ ᠪᠣᠷᠣ ᠲᠥᠯᠥᠪ᠎ᠢ ᠤᠯᠠᠮ ᠨᠢᠭᠡ ᠠᠯᠬᠤᠮ ᠶᠡᠬᠡᠰᠬᠡᠵᠦ᠂ ᠰᠢᠨ᠎ᠡ ᠰᠠᠭᠤᠴᠠ ᠵᠢᠨ ᠲᠥᠯᠥᠪᠵᠢᠭᠦᠯᠭᠡ ᠵᠢᠨ ᠲᠣᠭᠤᠷᠢᠭ᠎ᠤᠨ ᠲᠠᠯᠠᠪᠠᠢ ᠵᠢ 30 ᠲᠡᠭᠰᠢ ᠳᠥᠷᠪᠡᠯᠵᠢᠨ ᠺᠢᠯᠣᠮᠧᠲᠷ ᠪᠣᠯᠭ᠋ᠠᠨ ᠦᠷᠭᠡᠵᠢᠭᠦᠯᠵᠦ᠂ ᠬᠣᠲᠠ ᠵᠢᠨ ᠲᠣᠭᠣᠷᠢᠭ᠎ᠤᠨ ᠬᠥᠮᠦᠨ ᠠᠮᠠ ᠵᠢ ᠤᠶ᠋ᠢᠷ᠎ᠠ ᠵᠢᠨ ᠬᠤᠭᠤᠴᠠᠭ᠋ᠠᠨ᠎ᠳᠤ 2.6 ᠲᠦᠮᠡ᠎ᠪᠠᠷ ᠲᠥᠯᠥᠪᠵᠢᠭᠦᠯᠵᠦ᠂ ᠬᠣᠵᠢᠮ᠎ᠳᠠᠭᠠᠨ15 ᠲᠦᠮᠡ᠎ᠳᠤ ᠬᠦᠷᠦᠭᠦᠯᠬᠦ᠎ᠪᠠᠷ ᠲᠥᠯᠥᠪᠵᠢᠭᠦᠯᠪᠡ᠃ ᠬᠤᠳᠠ ᠵᠢᠨ ᠣᠷᠣᠨ ᠪᠠᠢ᠌ᠷᠢ ᠵᠢ ᠠᠭᠤᠯᠠ ᠤᠰᠤ ᠴᠡᠴᠡᠷᠯᠢᠭᠲᠦ ᠬᠣᠲᠠ ᠪᠣᠯᠭ᠋ᠠᠨ ᠲᠣᠭᠲᠠᠭ᠋ᠠᠵᠤ᠂ ᠭᠣᠣᠯᠳᠠᠭᠤ ᠬᠥᠮᠦᠨ ᠰᠣᠶᠦᠯ᠂ ᠠᠮᠢ ᠠᠬᠤᠶ᠂ ᠣᠷᠣᠰᠢᠨ ᠰᠠᠭᠤᠬᠤ᠎ᠳᠤ ᠲᠣᠬᠢᠷᠠᠮᠵᠢᠲᠠᠶ᠂ ᠲᠠᠭ᠋ᠠᠯᠠᠮᠵᠢᠲᠠᠶ ᠪᠦᠲᠦᠭᠡᠨ ᠪᠠᠶ᠋ᠢᠭᠤᠯᠤᠯᠲᠠ ᠵᠢᠨ ᠣᠨᠣᠯᠵᠢᠬᠤᠨ᠎ᠢ ᠢᠯᠡᠷᠡᠭᠦᠯᠵᠦ᠂ 《ᠬᠣᠶᠠᠷ ᠭᠣᠣᠯ ᠭᠤᠷᠪᠠᠨ ᠡᠷᠭᠢ᠂ ᠵᠢᠷᠭᠤᠭ᠋ᠠᠨ ᠬᠥᠭᠥᠷᠭᠡ ᠭᠤᠷᠪᠠᠨ ᠲᠣᠭᠤᠷᠢᠭ》᠎ᠲᠠᠢ ᠬᠣᠲᠠ ᠵᠢᠨ ᠰᠢᠨ᠎ᠡ ᠪᠠᠶ᠋ᠢᠷᠢᠰᠢᠯ᠎ᠢ ᠠᠩᠬ᠎ᠠ ᠠᠯᠬᠤᠮ ᠪᠤᠢ ᠪᠣᠯᠭ᠋ᠠᠪᠠ᠃
      ᠬᠤᠲᠠ ᠵᠢᠨ ᠶᠠᠪᠤᠳᠠᠯ ᠵᠠᠮ ᠱᠤᠭᠤᠮ᠎ᠤᠨ ᠲᠠᠯ᠎ᠠ᠎ᠪᠠᠷ᠂ ᠡᠨᠡ ᠬᠡᠳᠦᠨ ᠵᠢᠯ᠎ᠳᠤ ᠨᠡᠶ᠋ᠢᠲᠡ 25 ᠵᠤᠷᠪᠤᠰ ᠪᠦᠬᠦ ᠣᠷᠳᠣ᠎ᠨᠢ ᠪᠠᠷᠤᠭ 67.1 ᠺᠢᠯᠣᠮᠧᠲᠷ᠎ᠤᠨ ᠭᠣᠣᠯ ᠳᠡᠳ᠋ ᠵᠡᠭᠡᠯᠢ ᠵᠢᠨ ᠵᠠᠮ ᠳᠡᠪᠢᠰᠴᠦ᠂ 5000 ᠭᠠᠷᠤᠢ ᠰᠠᠭᠤᠷᠢ ᠵᠠᠮ᠎ᠤᠨ ᠳ᠋ᠸᠩ 5000 ᠪᠤᠰᠬᠠᠪᠠ᠃ ᠨᠡᠢ᠍ᠢ᠍ᠳᠡ 26 ᠨᠡᠶ᠋ᠢᠲᠡ ᠵᠢᠨ ᠮᠠᠰᠢᠨ ᠲᠡᠷᠭᠡ ᠬᠤᠳᠠᠯᠳᠤᠨ ᠠᠪᠴᠤ᠂ 3 ᠵᠤᠷᠪᠤᠰ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠱᠤᠭᠤᠮ᠎ᠢ ᠨᠡᠪᠲᠡᠷᠡᠭᠦᠯᠵᠦ᠂ ᠰᠠᠭᠤᠭ᠋ᠠᠯᠢ ᠠᠷᠠᠳ᠎ᠤᠨ ᠭᠠᠳᠠᠭᠰᠢ ᠭᠠᠷᠬᠤ ᠱᠠᠭ᠋ᠠᠷᠳᠠᠯᠭ᠎ᠠ ᠵᠢ ᠭᠦᠢ᠍ᠴᠡᠳ ᠬᠠᠩᠭ᠋ᠠᠪᠠ᠃ ᠴᠡᠴᠡᠷᠯᠢᠭ ᠣᠢ᠌ᠵᠢᠭᠤᠯᠤᠯᠲᠠ ᠵᠢᠨ ᠲᠠᠯ᠎ᠠ᠎ᠪᠠᠷ᠂ ᠨᠡᠢ᠌ᠲᠡ 6.5 ᠳ᠋ᠦᠩᠰᠢᠭᠤᠷ ᠰᠢᠬᠠᠮ ᠲᠥᠭᠥᠷᠢᠭ᠎ᠤᠨ ᠪᠡᠯᠡ ᠣᠷᠣᠭᠤᠯᠵᠤ᠂ 40 ᠭᠠᠷᠤᠶ ᠲᠥᠷᠥᠯ᠎ᠤᠨ ᠡᠯ᠎ᠡ ᠵᠦᠢ᠍ᠯ᠎ᠤᠨ ᠮᠣᠳᠣ ᠲᠠᠷᠢᠵᠤ᠂ ᠡᠯ᠎ᠡ ᠲᠥᠷᠥᠯ᠎ᠤᠨ ᠲᠤᠷᠤᠭ ᠮᠣᠳᠣ 39 ᠲᠦᠮᠡᠨ ᠰᠠᠭᠤᠷᠢ ᠰᠠᠭᠤᠯᠭ᠋ᠠᠵᠤ᠂ ᠣᠢ᠌ᠵᠢᠭᠤᠯᠤᠯᠲᠠ ᠵᠢᠨ ᠶᠡᠷᠦᠩᠬᠡᠶ ᠲᠠᠯᠠᠪᠠᠢ ᠵᠢ 445 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠦᠭᠦᠯᠵᠦ᠂ ᠰᠢᠨ᠎ᠡ ᠰᠠᠭᠤᠴᠠ ᠵᠢᠨ ᠬᠤᠳᠠ ᠲᠣᠭᠣᠷᠢᠭ᠎ᠤᠨ ᠣᠢ᠌ᠵᠢᠭᠤᠯᠤᠭᠰᠠᠨ ᠪᠦᠷᠬᠦᠴᠡ ᠨᠤᠷᠮ᠎ᠠ ᠵᠢ 42.17%  ᠎ᠳᠤ ᠬᠦᠷᠦᠭᠦᠯᠵᠦ᠂ ᠬᠥᠮᠦᠨ ᠪᠦᠷᠢ᠎ᠳᠤ ᠲᠡᠭᠰᠢᠳᠬᠡᠭᠰᠡᠨ ᠤᠯᠠᠨ ᠨᠡᠶ᠋ᠢᠲᠡ ᠵᠢᠨ ᠣᠢ᠌ᠵᠢᠭᠤᠯᠤᠭᠰᠠᠨ ᠭᠠᠵᠠᠷ᠎ᠤᠨ ᠲᠠᠯᠠᠪᠠᠢ 35 ᠲᠡᠭᠰᠢ ᠳᠥᠷᠪᠡᠯᠵᠢᠨ ᠮᠧᠲᠷ᠎ᠲᠤ ᠬᠦᠷᠦᠭᠦᠯᠪᠡ᠃ ᠬᠤᠳᠠ ᠵᠢᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠲᠠᠯ᠎ᠠ᠎ᠪᠠᠷ᠂ ᠢᠯᠴᠢ ᠵᠢᠨ ᠲᠣᠣᠷ᠎ᠢ 83 ᠺᠢᠯᠣᠮᠧᠲᠷ ᠳᠡᠪᠢᠰᠴᠦ᠂ ᠢᠯᠴᠢ ᠬᠠᠩᠭ᠋ᠠᠬᠤ ᠴᠢᠳᠠᠪᠤᠷᠢ ᠵᠢ 260 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠪᠡ᠃ 500 ᠲᠦᠮᠡᠨ ᠲᠡᠭᠰᠢ ᠳᠥᠷᠪᠡᠯᠵᠢᠨ ᠮᠧᠲᠷ᠎ᠤᠨ ᠰᠢᠨ᠎ᠡ ᠰᠠᠭᠤᠴᠠ ᠵᠢᠨ ᠬᠣᠶᠠᠳᠤᠭ᠋ᠠᠷ ᠢᠯᠴᠢ ᠡᠭᠦᠰᠭᠡᠭᠴᠢ ᠵᠢᠨ ᠪᠦᠳᠦᠭᠡᠨ ᠪᠠᠶ᠋ᠢᠭᠤᠯᠤᠯᠲᠠ ᠵᠢᠨ ᠳᠦᠷᠦᠯ ᠵᠦᠢ᠍ᠯ᠎ᠢ ᠡᠬᠢᠯᠡᠨ ᠪᠠᠢ᠌ᠭᠤᠯᠪᠠ᠃ 1.7 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ᠂ ᠬᠣᠰᠢᠭᠤ ᠵᠢᠨ ᠬᠣᠶᠠᠳᠤᠭ᠋ᠠᠷ ᠤᠰᠤᠨ᠎ᠤ ᠦᠢ᠍ᠯᠡᠳᠪᠦᠷᠢ ᠵᠢ ᠡᠬᠢᠯᠡᠵᠦ ᠪᠠᠢ᠌ᠭᠤᠯᠪᠠ᠃ ᠲᠦᠭᠡᠭᠡᠯ ᠤᠰᠤᠨ᠎ᠤ ᠦᠢ᠍ᠯᠡᠳᠪᠦᠷᠢ ᠪᠣᠯᠣᠨ ᠳᠦᠬᠦᠷᠵᠢᠭᠦᠯᠦᠭᠰᠡᠨ ᠤᠰᠤ ᠬᠠᠩᠭ᠋ᠠᠬᠤ ᠬᠣᠭᠣᠯᠠᠶ ᠲᠣᠣᠷ᠎ᠤᠨ ᠢᠨᠵᠧᠨᠧᠷᠢᠩ᠂ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠂ ᠬᠣᠭ ᠨᠣᠪᠰᠢ ᠵᠢ ᠰᠢᠢ᠍ᠳᠪᠦᠷᠢᠯᠡᠬᠦ ᠦᠢ᠍ᠯᠡᠳᠪᠦᠷᠢ ᠵᠢᠴᠢ ᠬᠣᠷᠴᠢᠨ ᠠᠭᠤᠳᠠᠮ ᠲᠠᠯᠠᠪᠠᠢ ᠵᠢ ᠪᠠᠢ᠌ᠭᠤᠯᠵᠤ᠂ ᠬᠤᠲᠠ ᠵᠢᠨ ᠶᠡᠷᠦᠩᠬᠡᠶ᠋ᠢᠯᠡᠭᠰᠡᠨ ᠳᠦᠬᠦᠷ ᠦᠢ᠍ᠯᠡᠴᠢᠯᠡᠭᠡᠨ᠎ᠤ ᠲᠥᠬᠥᠭᠡᠷᠦᠮᠵᠢ ᠵᠢ ᠤᠯᠠᠮ ᠨᠢᠭᠡ ᠠᠯᠬᠤᠮ ᠪᠦᠷᠢᠨᠰᠢᠭᠦᠯᠪᠡ᠃ ᠭᠡᠷ ᠭᠠᠵᠠᠷ᠎ᠤᠨ ᠭᠦᠷᠦᠨᠭᠭᠡ ᠵᠢ ᠨᠡᠭᠡᠭᠡᠨ ᠠᠰᠢᠭᠯᠠᠬᠤ ᠪᠠ ᠪᠠᠲᠤᠯᠠᠪᠤᠷᠢ ᠵᠢᠨ ᠴᠢᠨᠠᠷᠲᠠᠶ ᠬᠢᠮᠳᠠ ᠲᠣᠬᠢᠯᠢᠭ ᠣᠷᠣᠨ ᠰᠠᠭᠤᠴᠠ ᠵᠢᠨ ᠢᠨᠵᠧᠨᠧᠷᠢᠩ᠎ᠤᠨ ᠲᠠᠯ᠎ᠠ᠎ᠪᠠᠷ᠂ ᠭᠡᠷ ᠭᠠᠵᠠᠷ ᠎ᠤᠨ ᠬᠦᠷᠦᠩᠭᠡ ᠵᠢ ᠨᠡᠭᠡᠭᠡᠨ ᠠᠰᠢᠭᠯᠠᠭᠰᠠᠨ ᠲᠠᠯᠠᠪᠠᠢ᠎ᠨᠢ ᠨᠡᠢ᠌ᠲᠡ 340 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠪᠡ᠃ 432 ᠢᠵᠢ ᠬᠢᠮᠳᠠ ᠲᠦᠷᠢᠶᠡᠰᠦᠨ ᠭᠡᠷ᠂ 144 ᠢᠵᠢ ᠤᠯᠠᠨ ᠨᠡᠶ᠋ᠢᠲᠡ ᠵᠢᠨ ᠲᠦᠷᠢᠶᠡᠰᠦᠨ ᠭᠡᠷ ᠪᠠᠷᠢᠪᠠ᠃ ᠪᠢᠳᠠ ᠪᠠᠰᠠ 23 ᠲᠦᠮᠡᠨ ᠲᠡᠭᠰᠢ ᠳᠥᠷᠪᠡᠯᠵᠢᠨ ᠮᠧᠲᠷ᠎ᠤᠨ ᠠᠮᠢ ᠠᠬᠤᠶ ᠵᠢᠨ ᠨᠡᠭᠦᠳᠡᠯᠴᠢᠳ᠎ᠤᠨ ᠲᠣᠭᠣᠷᠢᠭ ᠪᠠᠢ᠌ᠭᠤᠯᠪᠠ᠂ ᠢᠩᠬᠢᠭᠰᠡᠨ ᠵᠶ᠋ᠡᠷ ᠮᠠᠯᠴᠢᠨ ᠲᠠᠷᠢᠶᠠᠴᠢᠳ᠎ᠤᠨ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ ᠵᠢ ᠦᠨᠳᠦᠰᠦᠨ᠎ᠠᠴᠠ᠎ᠨᠢ ᠬᠣᠪᠢᠷᠠᠭᠤᠯᠵᠤ᠂ ᠭᠠᠮᠰᠢᠭ᠎ᠢ ᠰᠡᠷᠭᠡᠶ᠋ᠢᠯᠡᠵᠦ ᠲᠦᠭᠰᠢᠭᠦᠷᠢ᠎ᠠᠴᠠ ᠵᠠᠶ᠋ᠢᠯᠠᠬᠤ᠂ ᠠᠮᠢ ᠠᠬᠤᠶ ᠵᠢ ᠬᠠᠮᠠᠭ᠋ᠠᠯᠠᠬᠤ᠂ ᠠᠷᠠᠳ᠎ᠢ ᠪᠠᠶᠠᠵᠢᠭᠤᠯᠵᠤ ᠠᠮᠤᠷᠵᠢᠭᠤᠯᠬᠤ ᠶᠡᠷᠦᠩᠬᠡᠶ ᠦᠷ᠎ᠡ ᠠᠰᠢᠭ ᠣᠯᠪᠠ᠃
      ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠵᠢᠨ ᠡᠳᠡᠭᠡᠷ ᠵᠢᠯ᠎ᠤᠳ᠎ᠲᠤ ᠣᠯᠤᠭᠰᠠᠨ ᠠᠮᠵᠢᠯᠲᠠ ᠪᠦᠲᠦᠮᠵᠢ᠎ᠨᠢ ᠥᠷᠭᠡᠨ ᠤᠯᠠᠨ ᠲᠦᠮᠡᠨ ᠪᠣᠯᠣᠨ ᠰᠦᠯᠵᠢᠶᠡᠨ᠎ᠤ ᠠᠨᠳᠠ ᠨᠠᠷ᠎ᠤᠨ ᠬᠦᠴᠦᠲᠡᠶ ᠳᠡᠮᠵᠢᠯᠭᠡ᠎ᠠᠴᠠ ᠰᠠᠯᠵᠤ ᠴᠢᠳᠠᠬᠤ ᠦᠭᠡᠢ ᠶᠤᠮ᠂ ᠲᠠ ᠪᠦᠬᠦᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ᠎ᠳᠤ ᠮᠣᠷᠢᠯᠠᠨ ᠰᠠᠭ᠋ᠠᠲᠠᠬᠤ ᠵᠢ ᠪᠢᠳᠡ ᠪᠦᠭᠦᠳᠡᠭᠡᠷ ᠪᠠᠶᠠᠷᠯᠠᠨ ᠤᠭᠲᠤᠵᠤ ᠪᠠᠶ᠋ᠢᠨ᠎ᠠ᠃
      ᠬᠥᠲᠥᠯᠥᠭᠴᠢ᠄
      ᠰᠠᠶᠢ ᠸᠠᠩ ᠳᠠᠷᠤᠭ᠎ᠠ᠎ᠠᠴᠠ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠵᠢᠨ ᠬᠤᠳᠠ ᠵᠢᠨ ᠪᠦᠳᠦᠭᠡᠠ ᠪᠠᠶ᠋ᠢᠭᠤᠯᠤᠯᠲᠠ ᠵᠢᠨ ᠬᠥᠭᠵᠢᠯᠲᠡ ᠵᠢᠨ ᠪᠠᠶ᠋ᠢᠳᠠᠯ᠎ᠢ ᠲᠣᠪᠴᠢ ᠲᠠᠨᠢᠯᠴᠠᠭᠤᠯᠤᠭᠰᠠᠨ᠎ᠢ ᠰᠣᠨᠣᠰᠣᠭ᠋ᠠᠳ ᠮᠠᠰᠢ ᠰᠣᠨᠢᠷᠬᠠᠯᠲᠠᠶ ᠪᠠᠢ᠌ᠨ᠎ᠠ᠃   ᠣᠳᠣ ᠲᠠ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠵᠢᠨ ᠦᠵᠡᠮᠵᠢᠲᠦ ᠡᠮᠦᠨᠡᠲᠦ ᠬᠣᠰᠢᠭᠤ ᠵᠢ ᠪᠦᠲᠦᠭᠡᠨ ᠪᠠᠢ᠌ᠭᠤᠯᠤᠭᠰᠠᠨ ᠲᠠᠯ᠎ᠠ᠎ᠪᠠᠷ ᠶᠠᠮᠠᠷ ᠶᠠᠮᠠᠷ ᠠᠮᠵᠢᠯᠲᠠ ᠣᠯᠤᠭᠰᠠᠨ᠎ᠢ ᠲᠠᠨᠢᠯᠴᠠᠭᠤᠯᠤᠭ᠋ᠠᠳ ᠦᠭᠭᠦᠨ᠎ᠡ ᠤᠤ?
      ᠸᠠᠩ ᠹᠦ᠋ ᠱᠦᠨ᠄
      ᠬᠤᠭᠤᠴᠠᠭ᠎ᠠ ᠪᠦᠷᠢ ᠵᠢᠨ ᠤᠳᠤᠷᠢᠳᠬᠤ ᠪᠠᠭ᠂ ᠪᠦᠭᠦ ᠬᠣᠰᠢᠭᠤ ᠵᠢᠨ ᠠᠷᠠᠳ ᠲᠦᠮᠡᠨ ᠵᠢᠴᠢ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠬᠠᠮᠲᠤ ᠵᠢᠨ ᠴᠢᠷᠮᠠᠶ᠋ᠢᠯᠭ᠎ᠠ᠎ᠪᠠᠷ ᠪᠢᠳᠠᠨ ᠵᠣᠬᠢᠬᠤ ᠠᠮᠵᠢᠯᠲᠠ ᠣᠯᠤᠭᠰᠠᠨ ᠪᠠᠶ᠋ᠢᠨ᠎ᠠ᠂ ᠵᠢᠱ᠌ᠢᠶᠡᠯᠡᠪᠡᠯ 《ᠪᠦᠬᠦ ᠤᠯᠤᠰ᠎ᠤᠨ ᠪᠣᠬᠢᠷᠲᠤᠯ ᠦᠭᠡᠢ ᠨᠡᠷᠡᠲᠦ ᠬᠣᠰᠢᠭᠤ》 ᠵᠢᠨ ᠴᠣᠯᠠ ᠬᠦᠷᠲᠡᠪᠡ; ᠬᠤᠳᠠ ᠵᠢᠨ ᠭᠣᠣᠯ ᠦᠵᠡᠮᠵᠢ ᠵᠢᠨ ᠪᠦᠰᠡ ᠵᠢᠨ ᠵᠢᠷᠤᠭ ᠲᠥᠯᠥᠪᠯᠡᠭᠡ᠎ᠨᠢ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠦᠵᠡᠮᠵᠢ ᠵᠢᠨ ᠵᠢᠷᠤᠭ ᠲᠥᠯᠥᠪᠯᠡᠭᠡ ᠵᠢᠨ ᠬᠣᠶᠠᠳᠤᠭ᠋ᠠᠷ ᠳᠡᠰ᠎ᠤᠨ ᠱᠠᠩᠨᠠᠯ᠎ᠢ ᠬᠦᠷᠲᠡᠪᠡ; 2012 ᠣᠨ᠎ᠳᠤ ᠰᠢᠨ᠎ᠡ ᠰᠠᠭᠤᠴᠠ ᠵᠢᠨ ᠴᠡᠴᠡᠷᠯᠢᠭ ᠣᠢ᠌ᠵᠢᠭᠤᠯᠤᠯᠲᠠ ᠵᠢᠨ ᠲᠥᠷᠥᠯ ᠵᠦᠢ᠍ᠯ᠎ᠨᠢ 《ᠥᠪᠡᠷᠲᠡᠭᠡᠨ ᠵᠠᠰᠠᠬᠤ ᠣᠷᠣᠨ᠎ᠤ ᠬᠥᠮᠦᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠵᠢᠱ᠌ᠢᠶ᠎ᠡ ᠦᠵᠡᠭᠦᠯᠬᠦ ᠱᠠᠩᠨᠠᠯ》 ᠬᠦᠷᠲᠡᠪᠡ; 2013 ᠣᠨ᠎ᠳᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠴᠡᠴᠡᠷᠯᠢᠭᠲᠦ ᠰᠢᠶᠠᠨ᠎ᠤ ᠬᠣᠲᠠ᠎ᠪᠠᠷ ᠦᠨᠡᠯᠡᠭᠳᠡᠪᠡ; 2014 ᠣᠨ᠎ᠳᠤ ᠪᠠᠰᠠ ᠤᠯᠤᠰ᠎ᠤᠨ ᠲᠡᠰ᠎ᠤᠨ ᠡᠷᠡᠭᠦᠯ ᠬᠠᠮᠠᠭ᠋ᠠᠯᠠᠯ᠎ᠤᠨ ᠰᠢᠶᠠᠨ᠎ᠤ ᠬᠣᠲᠠ ᠵᠢᠨ ᠠᠯᠳᠠᠷ ᠴᠣᠯᠠ ᠵᠢ ᠣᠯᠤᠭᠰᠠᠨ ᠪᠠᠶ᠋ᠢᠨ᠎ᠠ᠃
      ᠪᠢᠳᠡ 《ᠬᠤᠳᠠ᠎ᠪᠠᠷ ᠬᠥᠳᠡᠭᠡ ᠲᠣᠰᠬᠣᠨ᠎ᠢ ᠳᠠᠶ᠋ᠢᠴᠢᠯᠠᠬᠤ᠂ ᠴᠢᠭ᠋ ᠵᠶ᠋ᠠᠷ ᠪᠦᠬᠦ ᠲᠠᠯ᠎ᠠ ᠵᠢ ᠳᠠᠭ᠋ᠠᠭᠤᠯᠬᠤ᠂ ᠪᠦᠬᠦ ᠲᠠᠯ᠎ᠠ᠎ᠪᠠᠷ ᠬᠥᠭᠵᠢᠭᠦᠯᠬᠦ》 ᠵᠠᠮ᠎ᠢ ᠦᠷᠭᠦᠯᠵᠢᠯᠡᠨ ᠪᠠᠷᠢᠮᠲᠠᠯᠠᠵᠤ᠂ ᠢᠯᠠᠩᠭᠤᠶ᠎ᠠ ᠰᠢᠨ᠎ᠡ ᠰᠠᠭᠤᠴᠠ ᠵᠢᠨ ᠬᠤᠳᠠ ᠵᠢᠨ ᠲᠣᠭᠣᠷᠢᠭ᠂ ᠲᠥᠪ ᠪᠠᠯᠭ᠋ᠠᠰᠤ᠂ ᠭᠣᠣᠯ ᠲᠣᠰᠬᠣᠨ᠎ᠤ 《ᠭᠤᠷᠪᠠ ᠵᠢ ᠨᠢᠭᠡ ᠴᠤᠭᠴᠠᠵᠢᠭᠤᠯᠬᠤ》 ᠪᠦᠲᠦᠭᠡᠨ ᠪᠠᠶ᠋ᠢᠭᠤᠯᠤᠯᠲᠠ ᠵᠢ ᠲᠤᠪᠤᠢ᠍ᠢ᠍ᠮ᠎ᠠ ᠰᠠᠶ᠋ᠢᠲᠤᠷ ᠠᠳᠬᠤᠵᠤ᠂ ᠰᠢᠨ᠎ᠡ ᠰᠠᠭᠤᠴᠠ ᠵᠢᠨ ᠬᠤᠲᠠ ᠵᠢᠨ ᠲᠣᠭᠣᠷᠢᠭ᠂ ᠭᠣᠣᠯᠳᠠᠯᠭ᠎ᠠ᠎ᠲᠠᠢ ᠪᠠᠯᠭ᠋ᠠᠰᠤ᠂ ᠭᠣᠣᠯ ᠲᠣᠰᠬᠣᠨ᠎ᠢ ᠬᠣᠲᠠ ᠪᠠᠯᠭ᠋ᠠᠰᠤᠵᠢᠯᠲᠠ ᠵᠢᠨ ᠬᠥᠭᠵᠢᠯᠲᠡ ᠵᠢᠨ ᠭᠠᠷᠳᠠᠬᠤ ᠴᠢᠭ᠋ ᠪᠣᠯᠭ᠋ᠠᠵᠤ᠂ ᠵᠠᠮ᠂ ᠣᠢ᠌ᠵᠢᠭᠤᠯᠤᠯᠲᠠ᠂ ᠲᠥᠪᠯᠡᠷᠡᠭᠦᠯᠦᠨ ᠤᠰᠤ ᠬᠠᠩᠭ᠋ᠠᠬᠤ᠂ ᠲᠥᠪᠯᠡᠷᠡᠭᠦᠯᠦᠨ ᠢᠯᠴᠢ ᠬᠠᠩᠭ᠋ᠠᠬᠤ᠂ ᠪᠣᠬᠢᠷ ᠤᠰᠤ ᠵᠢ ᠰᠢᠢ᠍ᠳᠪᠦᠷᠢᠯᠡᠬᠦ᠂ ᠬᠣᠭ ᠨᠣᠪᠰᠢ ᠵᠢ ᠰᠢᠢ᠍ᠳᠪᠦᠷᠢᠯᠡᠬᠦ᠂ ᠪᠠᠷᠠᠭ᠎ᠠ ᠵᠢᠨ ᠭᠦᠢ᠍ᠯᠭᠡᠭᠡᠨ᠎ᠤ ᠬᠦᠷᠢᠶᠡᠯᠡᠩ ᠲᠣᠭᠣᠷᠢᠭ ᠵᠡᠷᠭᠡ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃ ᠮᠠᠯᠴᠢᠨ ᠲᠠᠷᠢᠶᠠᠴᠢᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠬᠣᠲᠠ ᠪᠠᠯᠭ᠋ᠠᠰᠤ ᠲᠡᠰᠢ ᠲᠥᠪᠯᠡᠷᠡᠭᠦᠯᠵᠦ᠂ ᠬᠤᠲᠠ ᠪᠠᠯᠭ᠋ᠠᠰᠤᠵᠢᠯᠲᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠦ᠂ ᠣᠷᠣᠰᠢᠨ ᠰᠠᠭᠤᠬᠤ ᠣᠷᠴᠢᠨ ᠲᠣᠭᠣᠷᠢᠨ᠎ᠢ ᠰᠠᠶ᠋ᠢᠵᠢᠷᠠᠭᠤᠯᠵᠤ᠂ ᠬᠣᠲᠠ ᠵᠢᠨ ᠰᠠᠭᠤᠷᠢ ᠪᠡᠯᠡᠳᠬᠡᠮᠵᠢ ᠵᠢᠨ ᠣᠳᠣᠬᠢᠴᠢᠯᠠᠯᠲᠠ ᠵᠢ ᠳᠡᠭᠡᠭᠰᠢᠯᠡᠭᠦᠯᠵᠦ᠂ ᠬᠤᠳᠠ ᠵᠢ ᠰᠢᠨᠵᠢᠯᠡᠬᠦ ᠤᠬᠠᠭ᠋ᠠᠨᠴᠢ᠎ᠪᠠᠷ ᠵᠢᠷᠤᠮᠵᠢᠭᠤᠯᠤᠨ ᠬᠠᠮᠢᠶᠠᠷᠴᠤ᠂ ᠰᠠᠭᠤᠭ᠋ᠠᠯᠢ ᠠᠷᠠᠳ᠎ᠤᠨ ᠰᠣᠶᠣᠯ᠎ᠤᠨ ᠬᠡᠪ ᠴᠢᠨᠠᠷ ᠪᠣᠯᠣᠨ ᠰᠣᠶᠣᠯ ᠪᠣᠯᠪᠠᠰᠤᠨ᠎ᠤ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭ᠋ᠠᠨ᠂ ᠰᠤᠷᠭ᠋ᠠᠨ ᠬᠥᠮᠦᠵᠢᠯ᠂ ᠰᠣᠶᠣᠯ ᠪᠣᠯᠪᠠᠰᠤᠷᠠᠯ᠂ ᠡᠷᠡᠭᠦᠯ ᠬᠠᠮᠠᠭ᠋ᠠᠯᠠᠯ ᠵᠡᠷᠭᠡ ᠨᠡᠶ᠋ᠢᠭᠡᠮ᠎ᠤᠨ ᠠᠵᠢᠯ ᠦᠢ᠍ᠯᠡᠰ᠎ᠤᠨ ᠪᠦᠲᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠲᠦᠷᠭᠡᠳᠭᠡᠵᠦ᠂ ᠰᠣᠶᠣᠯ ᠪᠣᠯᠪᠠᠰᠤᠷᠠᠯ᠎ᠤᠨ ᠬᠢᠷᠢ ᠬᠡᠮᠵᠢᠶ᠎ᠡ᠂ ᠬᠥᠮᠦᠨ ᠰᠤᠶᠤᠯ᠎ᠤᠨ ᠣᠷᠴᠢᠨ ᠲᠣᠭᠤᠷᠢᠨ᠂ ᠪᠠᠶ᠋ᠢᠭᠤᠯᠤᠯ᠎ᠤᠨ ᠲᠣᠭᠲᠠᠴᠠ ᠵᠡᠷᠭᠡ ᠵᠥᠭᠡᠯᠡᠨ ᠪᠣᠳᠠᠲᠤ ᠬᠦᠴᠦᠨ᠎ᠢ ᠳᠡᠭᠡᠭᠰᠢᠯᠡᠭᠦᠯᠵᠦ᠂ ᠬᠣᠲᠠ ᠪᠠᠯᠭ᠋ᠠᠰᠤ ᠵᠢᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠠᠢ᠌ᠭᠤᠯᠤᠨ ᠲᠡᠭᠦᠯᠳᠡᠷᠵᠢᠭᠦᠯᠦᠨ᠎ᠡ᠃ ᠬᠣᠲᠠ ᠪᠠᠯᠭ᠋ᠠᠰᠤᠵᠢᠭᠤᠯᠬᠤ ᠨᠤᠷᠮ᠎ᠠ ᠵᠢᠨ ᠲᠠᠯ᠎ᠠ᠎ᠪᠠᠷ ᠵᠢᠯ ᠪᠦᠷᠢ 1% ᠵᠢᠨ ᠬᠤᠷᠳᠤᠴᠠ᠎ᠪᠠᠷ ᠨᠡᠮᠡᠭᠳᠡᠭᠦᠯᠵᠦ᠂ 42%᠎ᠳᠤ ᠬᠦᠷᠦᠭᠦᠯᠦᠨ᠎ᠡ᠃
      ᠬᠥᠲᠥᠯᠥᠭᠴᠢ᠄
   
  ᠸᠠᠩ ᠳᠠᠷᠤᠭ᠎ᠠ ᠡ᠂ ᠮᠠᠨ᠎ᠤ ᠮᠡᠳᠡᠭᠡᠵᠢ᠎ᠪᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ 《8337》 ᠬᠥᠭᠵᠢᠯᠲᠡ ᠵᠢᠨ ᠰᠡᠳᠬᠢᠴᠡ ᠵᠢ ᠳᠤᠷᠠᠳᠤᠭᠰᠠᠨ᠎ᠠᠴᠠ ᠨᠠᠰᠢ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠥᠪᠡᠷ᠎ᠤᠨ ᠣᠨᠴᠠᠯᠢᠭ᠎ᠲᠠᠢ᠎ᠪᠠᠨ ᠤᠶᠠᠯᠳᠤᠭᠤᠯᠤᠨ ᠮᠠᠰᠢ ᠤᠯᠠᠨ ᠴᠢᠬᠤᠯᠠ ᠶᠡᠬᠡ ᠲᠣᠬᠢᠷᠠᠭᠤᠯᠤᠯᠲᠠ ᠪᠠ ᠥᠭᠡᠷᠡᠴᠢᠯᠡᠯᠲᠡ ᠬᠢᠵᠡᠢ᠂ ᠦᠵᠡᠰᠬᠦᠯᠡᠩᠲᠦ ᠰᠠᠢ᠌ᠬᠠᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠵᠢ ᠪᠠᠢ᠌ᠭᠤᠯᠬᠤ ᠲᠠᠯ᠎ᠠ᠎ᠪᠠᠷ ᠬᠡᠷᠬᠢᠨ ᠪᠣᠳᠠᠲᠠᠶ ᠨᠠᠢ᠌ᠳᠠᠪᠤᠷᠢᠵᠢᠭᠤᠯᠤᠭᠰᠠᠨ ᠵᠶ᠋ᠠᠨ ᠲᠠᠨᠢᠯᠴᠠᠭᠤᠯᠤᠭ᠋ᠠᠳ ᠥᠭᠭᠦᠨ᠎ᠡ ᠦᠦ᠃
      ᠸᠠᠩ ᠹᠦ᠋ ᠱᠦᠨ᠄
      ᠥᠪᠡᠷᠲᠡᠭᠡᠨ ᠵᠠᠰᠠᠬᠤ ᠣᠷᠣᠨ᠎ᠤ 《8337》 ᠬᠥᠭᠵᠢᠯᠲᠡ ᠵᠢᠨ ᠰᠡᠳᠬᠢᠴᠡ ᠪᠠ 《ᠲᠠᠪᠤᠨ ᠡᠷᠴᠢᠮ᠎ᠢ ᠴᠢᠩᠭ᠋ᠠᠷᠠᠭᠤᠯᠬᠤ》 ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠬᠣᠳᠠ ᠵᠢ ᠲᠥᠯᠥᠪᠵᠢᠭᠦᠯᠦᠨ ᠪᠦᠲᠦᠭᠡᠨ ᠪᠠᠢ᠌ᠭᠤᠯᠬᠤ ᠬᠠᠮᠢᠶᠠᠷᠤᠯᠲᠠ᠎ᠪᠠᠷ ᠭᠠᠵᠠᠷ ᠣᠷᠣᠨ᠎ᠤ ᠪᠣᠳᠠᠲᠤ ᠬᠦᠴᠦᠨ ᠵᠶ᠋ᠠᠨ ᠨᠡᠮᠡᠭᠳᠡᠭᠦᠯᠬᠦ᠂ ᠬᠤᠳᠠ ᠵᠢᠨ ᠳᠦᠷᠢ ᠲᠥᠷᠬᠦ ᠵᠢ ᠰᠠᠶ᠋ᠢᠵᠢᠷᠠᠭᠤᠯᠬᠤ᠂ ᠬᠤᠳᠠ ᠵᠢᠨ ᠬᠥᠮᠦᠰ᠎ᠢ ᠨᠢᠭᠲᠠᠷᠠᠭᠤᠯᠬᠤ᠂ ᠤᠯᠠᠨ ᠲᠦᠮᠡᠨ᠎ᠤ ᠠᠵᠠ ᠵᠢᠷᠭ᠋ᠠᠯ᠎ᠤᠨ ᠵᠢᠭ᠋ᠠᠯᠲᠠ ᠲᠣᠭ᠎ᠠ ᠵᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠣᠯᠭ᠋ᠠᠵᠤ᠂ ᠰᠢᠨ᠎ᠡ ᠰᠠᠭᠤᠴᠠ ᠵᠢᠨ ᠨᠥᠯᠥᠭᠡᠯᠡᠨ ᠳᠠᠶ᠋ᠢᠴᠢᠯᠠᠬᠤ ᠴᠢᠳᠠᠪᠤᠷᠢ ᠵᠢ ᠤᠯᠠᠮ ᠨᠢᠭᠡ ᠠᠯᠬᠤᠮ ᠨᠡᠮᠡᠭᠳᠡᠭᠦᠯᠪᠡ᠃ ᠨᠢᠭᠡ᠎ᠳᠤ᠂ ᠥᠨᠳᠥᠷ ᠪᠠᠷᠢᠮᠵᠢᠶ᠎ᠠ᠂ ᠥᠨᠳᠥᠷ ᠡᠬᠢᠯᠡᠯᠲᠡ᠎ᠪᠠᠷ ᠵᠢᠷᠤᠭᠯᠠᠨ ᠲᠥᠯᠥᠪᠯᠡᠪᠡ᠃ ᠬᠤᠳᠠ ᠵᠢᠨ ᠲᠥᠯᠥᠪᠵᠢᠭᠦᠯᠦᠨ ᠪᠦᠲᠦᠭᠡᠨ ᠪᠠᠢ᠌ᠭᠤᠯᠬᠤ ᠶᠠᠪᠤᠴᠠ ᠳᠤᠮᠳᠠ᠂ ᠪᠢᠳᠠ ᠲᠤᠰᠬᠠᠶ ᠮᠡᠷᠭᠡᠵᠢᠯᠲᠡᠨ᠎ᠢ ᠤᠷᠢᠵᠤ ᠵᠢᠯᠣᠭᠣᠳᠤᠭᠤᠯᠤᠨ᠂ ᠡᠯ᠎ᠡ ᠲᠠᠯ᠎ᠠ ᠵᠢᠨ᠎ᠬᠢᠨ᠎ᠤ ᠰᠠᠨᠠᠯ᠎ᠢ ᠭᠦᠢ᠍ᠴᠡᠳ ᠰᠣᠨᠣᠰᠤᠭᠰᠠᠨ ᠪᠠ ᠬᠦᠯᠢᠶᠡᠨ ᠠᠪᠴᠤ᠂ ᠪᠦᠭᠦ ᠬᠣᠰᠢᠭᠤᠨ᠎ᠤ ᠠᠵᠤ ᠠᠬᠤᠶ ᠵᠢᠨ ᠬᠥᠭᠵᠢᠯ᠎ᠤᠨ ᠠᠯᠤᠰ ᠭᠡᠳᠤ ᠵᠢᠨ ᠲᠥᠯᠥᠪᠵᠢᠭᠦᠯᠭᠡ ᠪᠠ ᠣᠨ᠎ᠤ ᠲᠥᠯᠥᠪᠯᠡᠭᠡ ᠵᠢ ᠲᠣᠭᠲᠠᠭ᠋ᠠᠵᠤ᠂ ᠬᠠᠷᠠᠯᠲᠠᠲᠤ ᠡᠭᠦᠷᠭᠡ ᠪᠠ ᠪᠣᠳᠠᠲᠠᠶ ᠠᠷᠭ᠎ᠠ ᠬᠡᠮᠵᠢᠶ᠎ᠡ ᠵᠢ ᠲᠣᠳᠣᠷᠬᠠᠢ᠌ᠯᠠᠵᠤ᠂ ᠵᠠᠰᠠᠭ᠎ᠤᠨ ᠣᠷᠳᠣᠨ᠎ᠤ ᠲᠤᠩ ᠬᠢᠵᠠᠭ᠋ᠠᠷ᠎ᠲᠠᠢ ᠪᠡᠯᠡ ᠮᠥᠩᠭᠥ ᠵᠢᠨ ᠬᠠᠮᠤᠭ᠎ᠤᠨ ᠶᠡᠬᠡ ᠦᠢ᠍ᠯᠡᠳᠦᠯ᠎ᠢ᠎ᠨᠢ ᠪᠠᠳᠠᠷᠠᠭᠤᠯᠵᠤ᠂ ᠬᠣᠲᠠ ᠪᠠᠯᠭ᠋ᠠᠰᠤ ᠵᠢᠨ ᠰᠠᠭᠤᠷᠢ ᠪᠡᠯᠡᠳᠬᠡᠮᠵᠢ ᠵᠢ ᠡᠩ ᠲᠡᠷᠢᠭᠦᠨ᠎ᠳᠤ ᠲᠣᠬᠢᠷᠠᠭᠤᠯᠤᠯᠪᠡ᠃ ᠬᠣᠶᠠᠷ᠎ᠲᠤ᠂ ᠭᠤᠷᠪᠠᠨ ᠬᠤᠪᠢᠷᠠᠯᠲᠠ ᠵᠢ ᠦᠨᠡᠨ ᠬᠦ᠌ ᠪᠡᠶᠡᠯᠡᠭᠦᠯᠪᠡ᠃ ᠦᠵᠡᠰᠬᠦᠯᠡᠩᠲᠦ ᠰᠠᠢ᠌ᠬᠠᠨ ᠬᠤᠳᠠ ᠵᠢ ᠴᠣᠭᠴᠠᠯᠠᠬᠤ᠎ᠳᠤ᠂ ᠡᠷᠬᠡᠪᠰᠢ ᠬᠥᠮᠦᠨ ᠬᠢᠭᠡᠳ ᠪᠠᠶ᠋ᠢᠭ᠋ᠠᠯᠢ ᠵᠢᠨ ᠬᠤᠪᠢᠰᠤᠩᠭᠤᠶ ᠬᠠᠷᠢᠴᠠᠭ᠎ᠠ ᠵᠢ ᠵᠥᠪ ᠵᠶ᠋ᠠᠷ ᠲᠠᠨᠢᠨ ᠰᠢᠢ᠍ᠳᠪᠦᠷᠢᠯᠡᠵᠦ᠂ ᠤᠤᠯ᠎ᠤᠨ ᠨᠢᠭᠡ ᠯᠡ ᠬᠦᠭ ᠵᠶ᠋ᠠᠷ ᠶᠡᠬᠡ᠎ᠪᠠᠷ ᠪᠡᠯᠡ ᠣᠷᠣᠭᠤᠯᠬᠤ᠂ ᠶᠡᠬᠡ᠎ᠪᠠᠷ ᠬᠣᠷᠣᠭᠳᠠᠭᠤᠯᠬᠤ᠂ ᠶᠡᠬᠡ᠎ᠪᠠᠷ ᠪᠣᠬᠢᠷᠲᠤᠭᠤᠯᠬᠤ᠂ ᠥᠴᠥᠬᠡᠨ ᠠᠰᠢᠭ ᠣᠯᠬᠤ ᠭᠠᠳᠠᠭᠰᠢᠯ ᠴᠢᠨᠠᠷᠲᠠᠢ ᠠᠵᠤ ᠠᠬᠤᠶ ᠵᠢᠨ ᠨᠡᠮᠡᠭᠳᠡᠯ᠎ᠤᠨ ᠬᠡᠪ ᠵᠠᠭᠪᠤᠷ᠎ᠢ ᠲᠠᠶᠠᠭᠳᠠᠵᠤ᠂ ᠭᠤᠷᠪᠠᠨ ᠵᠦᠢ᠍ᠯ᠎ᠤᠨ ᠬᠤᠪᠢᠷᠠᠯᠲᠠ ᠵᠢ ᠡᠷᠬᠡᠪᠰᠢ ᠪᠡᠶᠡᠯᠡᠭᠦᠯᠬᠦ ᠬᠡᠷᠡᠭᠲᠡᠶ᠄ ᠨᠢᠭᠡᠳᠦᠭᠡᠷ᠎ᠲᠤ ᠬᠥᠮᠦᠨ ᠪᠠᠶ᠋ᠢᠭ᠋ᠠᠯᠢ ᠵᠢ ᠨᠣᠶᠠᠷᠬᠠᠬᠤ ᠬᠠᠷᠢᠴᠠᠭ᠎ᠠ ᠵᠢ ᠡᠶ᠎ᠡ ᠵᠣᠬᠢᠴᠠᠯ᠎ᠲᠠᠢ ᠨᠢᠭᠡᠳᠦᠯᠲᠡᠶ ᠬᠠᠮᠲᠤᠪᠠᠷ ᠣᠷᠣᠰᠢᠬᠤ ᠬᠠᠷᠢᠴᠠᠭ᠎ᠠ ᠪᠣᠯᠭ᠋ᠠᠨ ᠬᠤᠪᠢᠷᠠᠭᠤᠯᠬᠤ ᠬᠡᠷᠡᠭᠲᠡᠢ; ᠬᠣᠶᠠᠳᠤᠭ᠋ᠠᠷ᠎ᠲᠤ ᠪᠠᠢ᠌ᠭ᠋ᠠᠯᠢ᠎ᠠᠴᠠ ᠳᠠᠩ ᠴᠤᠯᠭᠤᠢ᠎ᠪᠠᠷ ᠠᠪᠴᠤ ᠪᠠᠢ᠌ᠭᠰᠠᠨ᠎ᠢ ᠨᠥᠬᠥᠬᠦ ᠪᠠ ᠠᠪᠬᠤ ᠵᠢ ᠤᠶᠠᠯᠳᠤᠭᠤᠯᠬᠤ ᠪᠣᠯᠭ᠋ᠠᠨ ᠬᠤᠪᠢᠷᠠᠭᠤᠯᠬᠤ ᠬᠡᠷᠡᠭᠲᠡᠢ; ᠭᠤᠷᠪᠠᠳᠤᠭ᠋ᠠᠷ᠎ᠲᠤ ᠪᠠᠶ᠋ᠢᠭ᠋ᠠᠯᠢ᠎ᠳᠠᠬᠢ ᠬᠥᠮᠥᠨ᠎ᠤ ᠡᠷᠬᠡ ᠪᠠ ᠡᠭᠦᠷᠭᠡ ᠵᠢ ᠨᠢᠭᠡᠳᠦᠭᠦᠯᠬᠦ ᠬᠡᠷᠡᠭᠲᠡᠢ᠂ ᠡᠭᠦᠨ᠎ᠳᠤ ᠪᠠᠶ᠋ᠢᠭ᠋ᠠᠯᠢ ᠵᠢ ᠠᠰᠢᠭᠯᠠᠬᠤ ᠪᠠᠭᠲᠠᠬᠤ ᠮᠥᠷᠲᠡᠭᠡᠨ ᠪᠠᠶ᠋ᠢᠭ᠋ᠠᠯᠢ ᠵᠢ ᠬᠠᠮᠠᠭ᠋ᠠᠯᠠᠬᠤ ᠪᠠᠭᠲᠠᠨ᠎ᠠ᠃ ᠭᠠᠭᠴᠠ ᠬᠦ᠌ ᠢᠩᠭᠢᠪᠡᠯ ᠰᠠᠶᠢ ᠬᠤᠳᠠ ᠵᠢᠨ ᠬᠢᠵᠠᠭ᠋ᠠᠷ᠎ᠲᠠᠢ ᠡᠬᠢ ᠪᠠᠶᠠᠯᠢᠭ᠎ᠢ ᠭᠦᠢ᠍ᠴᠡᠳ ᠠᠰᠢᠭᠯᠠᠬᠤ ᠪᠠ ᠬᠠᠮᠠᠭ᠋ᠠᠯᠠᠵᠤ ᠴᠢᠳᠠᠨ᠎ᠠ᠃
      ᠸᠠᠩ ᠹᠦ᠋ ᠱᠦᠨ᠄
      ᠭᠤᠷᠪᠠ᠎ᠳᠤ᠂ ᠪᠦᠬᠦ ᠬᠦᠴᠦ᠎ᠪᠠᠷ ᠵᠶ᠋ᠠᠨ ᠬᠤᠳᠠ ᠵᠢᠨ ᠣᠨᠴᠠᠯᠢᠭ ᠪᠦᠬᠦᠢ ᠦᠵᠡᠮᠵᠢ ᠵᠢ ᠡᠭᠦᠳᠪᠡ᠃ ᠪᠢᠳᠡ ᠤᠳᠤ ᠪᠠᠶ᠋ᠢᠭ᠎ᠠ ᠦᠷ᠎ᠡ ᠪᠦᠲᠦᠭᠡᠯ᠎ᠤᠨ ᠰᠠᠭᠤᠷᠢᠨ ᠳᠡᠭᠡᠷ᠎ᠡ᠂ ᠰᠢᠨ᠎ᠡ ᠰᠠᠭᠤᠴᠠ ᠵᠢᠨ ᠲᠣᠭᠣᠷᠢᠭ ᠵᠶ᠋ᠡᠷ ᠭᠣᠣᠯ ᠪᠣᠯᠭ᠋ᠠᠵᠤ᠂ ᠤᠯᠠᠨ ᠨᠡᠢ᠍ᠢ᠍ᠳᠡ ᠵᠢᠨ ᠨᠣᠭᠣᠭ᠋ᠠᠷᠠᠭᠤᠯᠤᠯᠲᠠ᠎ᠪᠠᠷ ᠭᠣᠣᠯᠳᠠᠯᠭ᠎ᠠ ᠪᠣᠯᠭ᠋ᠠᠵᠤ ᠪᠠᠢ᠌ᠭᠤᠯᠪᠠ; ᠭᠣᠣᠯ ᠳᠠᠭ᠋ᠠᠤ ᠵᠠᠮ ᠳᠠᠭ᠋ᠠᠤ ᠵᠢᠨ ᠨᠣᠭᠣᠭ᠋ᠠᠷᠠᠭᠤᠯᠤᠯᠲᠠ᠎ᠪᠠᠷ ᠨᠢᠷᠤᠭᠤᠪᠴᠢ ᠪᠣᠯᠭ᠋ᠠᠭᠰᠠᠨ; ᠴᠡᠴᠡᠷᠯᠢᠭ᠂ ᠨᠣᠭᠣᠭ᠋ᠠᠨ ᠬᠥᠷᠥᠰᠥ᠂ ᠠᠭᠤᠳᠠᠮ ᠲᠠᠯᠠᠪᠠᠶ᠎ᠪᠠᠷ ᠲᠥᠪ   ᠪᠣᠯᠭ᠋ᠠᠪᠠ; ᠴᠢᠭ᠋ ᠬᠠᠪᠲᠠᠭ᠋ᠠᠶ ᠵᠢ ᠤᠶᠠᠯᠳᠤᠭᠤᠯᠤᠭᠰᠠᠨ ᠬᠣᠲᠠ ᠵᠢᠨ ᠨᠣᠭᠣᠭ᠋ᠠᠷᠠᠭᠤᠯᠤᠯᠲᠠ ᠵᠢᠨ ᠰᠢᠰᠲ᠋ᠧᠮ᠎ᠨᠢ ᠮᠠᠨ᠎ᠤ ᠬᠤᠳᠠ ᠵᠢᠨ ᠠᠮᠢ ᠠᠬᠤᠶ ᠵᠢᠨ ᠣᠷᠴᠢᠨ ᠲᠣᠭᠣᠷᠢᠨ᠎ᠢ ᠪᠦᠲᠦᠮᠵᠢᠲᠡᠶ᠎ᠪᠠᠷ ᠰᠠᠢ᠌ᠵᠢᠷᠠᠭᠤᠯᠪᠠ᠃ ᠡᠭᠦᠨ᠎ᠤ ᠵᠡᠷᠭᠡᠪᠡᠷ᠂ ᠬᠤᠳᠠ ᠵᠢᠨ ᠪᠠᠷᠢᠯᠭ᠎ᠠ ᠵᠢ ᠨᠢᠭᠡᠨ ᠵᠦᠢ᠍ᠯ᠎ᠤᠨ ᠤᠷᠠᠯᠢᠭ᠎ᠤᠨ ᠪᠦᠲᠦᠭᠡᠯ ᠵᠶ᠋ᠡᠷ ᠡᠭᠦᠳᠦᠨ ᠪᠦᠲᠦᠭᠡᠵᠦ᠂ ᠳᠤᠲᠠᠭᠳᠠᠭᠤᠯᠬᠤ᠎ᠠᠴᠠ ᠪᠢᠰᠢ ᠤᠯᠠᠳᠠᠭᠤᠯᠬᠤ ᠦᠭᠡᠢ ᠪᠠᠢ᠌ᠬᠤ᠂ ᠠᠵᠢᠯ᠎ᠳᠠᠭᠠᠨ ᠨᠠᠷᠢᠨ ᠨᠢᠮᠪᠠᠶ ᠪᠠᠶ᠋ᠢᠬᠤ ᠵᠢ ᠪᠠᠷᠢᠮᠲᠠᠯᠠᠪᠠ᠂ ᠢᠩᠭᠢᠭᠰᠡᠨ ᠵᠶ᠋ᠡᠷ ᠬᠤᠳᠠ ᠵᠢᠨ ᠰᠣᠶᠣᠯ᠎ᠤᠨ ᠣᠨᠴᠠᠯᠢᠭ᠎ᠢ ᠳᠣᠪᠣᠢ᠌ᠯᠭ᠋ᠠᠵᠤ᠂ ᠬᠤᠳᠠ ᠵᠢᠨ ᠠᠭᠤᠯᠤᠭᠳᠠᠬᠤᠨ᠎ᠢ ᠠᠭᠤᠳᠠᠯᠵᠤ᠂ ᠬᠤᠳᠠ ᠵᠢᠨ ᠰᠣᠶᠣᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠪᠡ᠃ ᠲᠦᠷᠪᠡ᠎ᠳᠤ᠂ ᠬᠤᠲᠠ ᠵᠢᠨ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠪᠠ᠃ ᠪᠢᠳᠡ ᠤᠯᠠᠨ ᠲᠦᠮᠡᠨ᠎ᠤ ᠬᠦᠰᠡᠯ ᠡᠷᠡᠮᠡᠯᠵᠡᠯ ᠵᠶ᠋ᠠᠷ ᠴᠢᠷᠮᠠᠶ᠋ᠢᠬᠤ ᠴᠢᠭᠯᠡᠯ ᠵᠶ᠋ᠠᠨ ᠪᠣᠯᠭ᠋ᠠᠬᠤ ᠵᠢ ᠪᠠᠷᠢᠮᠲᠠᠯᠠᠵᠤ᠂ ᠥᠪᠡᠷ᠎ᠤᠨ ᠭᠡᠷ ᠵᠶ᠋ᠡᠨ ᠬᠠᠶ᠋ᠢᠷᠠᠯᠠᠳᠠᠭ ᠰᠢᠭ ᠮᠠᠨ᠎ᠤ ᠬᠤᠳᠠ ᠵᠶ᠋ᠡᠨ ᠬᠠᠶ᠋ᠢᠷᠠᠯᠠᠨ ᠬᠠᠮᠠᠭ᠋ᠠᠯᠠᠪᠠ᠃ 《ᠡᠮᠦᠨᠡᠲᠦ ᠬᠣᠰᠢᠭᠤᠨ᠎ᠤ ᠵᠣᠷᠢᠭ ᠰᠠᠨᠠᠭ᠎ᠠ》᠎ᠪᠠᠷ ᠠᠴᠢᠶᠠᠯᠠᠪᠤᠷᠢ ᠪᠣᠯᠭ᠋ᠠᠨ᠂ ᠰᠠᠭᠤᠭ᠋ᠠᠯᠢ ᠠᠷᠠᠳ᠎ᠢ ᠬᠥᠮᠥᠵᠢᠭᠦᠯᠬᠦ ᠪᠠ ᠬᠥᠲᠥᠯᠥᠨ ᠵᠢᠯᠣᠭᠣᠳᠴᠤ ᠪᠠᠶ᠋ᠢᠭ᠋ᠠᠳ ᠪᠣᠬᠢᠷᠲᠤᠯ ᠦᠭᠡᠢ ᠠᠮᠢ ᠠᠬᠤᠶ ᠵᠢᠨ ᠬᠣᠲᠠ ᠵᠢ ᠴᠣᠭᠴᠠᠯᠠᠬᠤ᠂ ᠰᠠᠭᠤᠷᠢᠰᠢᠬᠤ᠎ᠳᠤ ᠲᠣᠬᠢᠷᠠᠮᠵᠢᠲᠠᠢ ᠠᠵᠢᠯ ᠡᠷᠬᠢᠯᠡᠬᠦ᠎ᠳᠤ ᠲᠣᠬᠢᠷᠠᠮᠵᠢᠲᠠᠢ ᠬᠣᠲᠠ᠂ ᠵᠤᠭ᠋ᠠᠴᠠᠨ ᠰᠡᠯᠡᠭᠦᠴᠡᠬᠦ ᠬᠣᠲᠠ ᠵᠢᠨ ᠡᠩᠨᠡᠭᠡᠨ᠎ᠳᠤ ᠤᠬᠠᠮᠰᠠᠷ᠎ᠠᠴᠠ᠎ᠨᠢ ᠣᠷᠣᠯᠴᠠᠭᠤᠯᠵᠤ᠂ ᠬᠣᠲᠠ ᠵᠢ ᠪᠦᠳᠦᠭᠡᠨ ᠪᠠᠶ᠋ᠢᠭᠤᠯᠬᠤ᠂ ᠬᠤᠳᠠ ᠵᠢ ᠬᠠᠮᠢᠶᠠᠷᠬᠤ᠂ ᠬᠣᠲᠠ ᠵᠢ ᠭᠣᠶᠣᠯᠠᠨ ᠵᠠᠰᠠᠬᠤ᠂ ᠬᠤᠳᠠ ᠵᠢ ᠤᠬᠠᠭᠤᠯᠬᠤ᠂ ᠬᠤᠳᠠ ᠵᠢᠨ ᠳᠦᠷᠢ ᠲᠥᠷᠬᠦ ᠵᠢ ᠳᠡᠭᠡᠭᠰᠢᠯᠡᠭᠦᠯᠬᠦ ᠡᠭᠦᠷᠭᠡ ᠲᠤᠰᠢᠶᠠᠯ ᠬᠠᠷᠢᠭᠤᠴᠠᠯᠭ᠎ᠠ ᠵᠢ ᠬᠣᠲᠠ ᠵᠢᠨ ᠠᠷᠠᠳ ᠤᠬᠠᠮᠰᠠᠷ᠎ᠪᠠᠨ ᠡᠭᠦᠷᠭᠡᠯᠡᠬᠦ ᠪᠣᠯᠭ᠋ᠠᠵᠤ᠂ ᠮᠠᠨ᠎ᠤ ᠰᠢᠨ᠎ᠡ ᠰᠠᠭᠤᠴᠠ ᠵᠢ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ᠂ ᠬᠦᠰᠡᠯ ᠡᠷᠡᠮᠡᠯᠵᠡᠯ ᠵᠶ᠋ᠠᠷ ᠪᠢᠯᠬᠠᠮ ᠪᠣᠯᠭ᠋ᠠᠪᠠ᠃
      ᠬᠥᠲᠥᠯᠥᠭᠴᠢ᠄
      ᠪᠢᠳᠡᠨ᠎ᠤ ᠮᠡᠳᠡᠭᠡᠵᠢ᠎ᠪᠠᠷ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠥᠩᠭᠡ ᠦᠵᠡᠮᠵᠢ ᠭᠣᠶᠣ᠂ ᠣᠷᠣᠰᠢᠨ ᠰᠠᠭᠤᠬᠤ ᠬᠤᠳᠠᠯᠳᠤᠭ᠎ᠠ ᠡᠷᠬᠢᠯᠡᠬᠦ ᠠᠵᠢᠯᠯᠠᠬᠤ᠎ᠳᠤ ᠲᠣᠬᠢᠷᠠᠮᠵᠢᠲᠠᠶ᠂ ᠡᠳᠦᠷ᠎ᠨᠢ ᠰᠠᠶ᠋ᠢᠬᠠᠨ ᠵᠶ᠋ᠡᠷ ᠪᠠᠷᠠᠬᠤ ᠦᠭᠡᠶ᠂ ᠰᠥᠨᠢ ᠵᠢᠨ ᠦᠵᠡᠮᠵᠢ ᠴᠦ᠍ ᠭᠣᠶᠣ ᠰᠠᠢ᠌ᠬᠠᠨ ᠪᠦᠳᠦᠭᠡᠨ ᠪᠠᠢ᠌ᠭᠤᠯᠤᠭᠰᠠᠨ ᠪᠠᠢ᠌ᠳᠠᠭ᠂ ᠲᠠ ᠣᠳᠣ ᠬᠣᠣᠰ ᠣᠢ᠍ᠭᠡᠢ ᠰᠠᠶ᠋ᠢᠬᠠᠨ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠴᠡᠴᠡᠷᠯᠢᠭ ᠨᠣᠭᠣᠭ᠋ᠠᠷᠠᠭᠤᠯᠤᠯᠲᠠ ᠪᠠ ᠭᠡᠷᠡᠯᠲᠦᠭᠦᠯᠦᠭᠡ ᠵᠢᠨ ᠲᠠᠯ᠎ᠠ ᠵᠢᠨ ᠲᠤᠪᠤᠢ᠍ᠢ᠍ᠮ᠎ᠠ ᠠᠮᠵᠢᠯᠲᠠ ᠪᠦᠲᠦᠮᠵᠢ ᠪᠠ ᠠᠮᠵᠢᠯᠲᠠᠲᠠᠶ ᠲᠤᠷᠰᠢᠯᠭ᠎ᠠ ᠵᠢ ᠲᠠᠨᠢᠯᠴᠠᠭᠤᠯᠤᠭ᠋ᠠᠳ ᠥᠭᠭᠦᠨ᠎ᠡ ᠦᠦ?
      ᠸᠠᠩ ᠹᠦ᠋ ᠱᠦᠨ᠄
      ᠨᠣᠭᠣᠭ᠋ᠠᠷᠠᠭᠤᠯᠬᠤ ᠠᠵᠢᠯ᠎ᠤᠨ ᠲᠠᠯ᠎ᠠ᠎ᠪᠠᠷ᠂ ᠰᠢᠨ᠎ᠡ ᠰᠠᠭᠤᠴᠠ ᠵᠢ ᠠᠩᠬ᠎ᠠ ᠪᠦᠳᠦᠭᠡᠠ ᠪᠠᠢ᠌ᠭᠤᠯᠬᠤ ᠦᠶ᠎ᠡ᠎ᠳᠤ᠂ ᠪᠢᠳᠡ ᠪᠦᠲᠦᠭᠡᠨ ᠪᠠᠶ᠋ᠢᠭᠤᠯᠤᠯᠲᠠ ᠵᠢᠨ ᠶᠠᠮᠤᠨ᠎ᠤ ᠬᠤᠲᠠ ᠵᠢᠨ ᠲᠥᠯᠥᠪᠵᠢᠭᠦᠯᠭᠡ ᠵᠢᠨ ᠵᠢᠷᠤᠭ ᠲᠥᠯᠥᠪᠯᠡᠭᠡᠨ᠎ᠤ ᠬᠦᠷᠢᠶᠡᠯᠡᠩ᠎ᠳᠤ ᠨᠠᠶ᠋ᠢᠳᠠᠵᠤ᠂ 《ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠰᠢᠨ᠎ᠡ ᠰᠠᠭᠤᠴᠠ ᠵᠢᠨ ᠬᠤᠲᠠ ᠲᠣᠭᠣᠷᠢᠭ᠎ᠤᠨ ᠶᠡᠷᠦᠩᠬᠡᠶ ᠲᠥᠯᠥᠪᠵᠢᠭᠦᠯᠭᠡ》 ᠵᠢ ᠨᠠᠶ᠋ᠢᠷᠠᠭᠤᠯᠤᠨ ᠵᠣᠬᠢᠶᠠᠵᠤ᠂ ᠰᠢᠨ᠎ᠡ ᠰᠠᠭᠤᠴᠠ ᠬᠤᠳᠠ ᠵᠢᠨ ᠪᠦᠳᠦᠭᠡᠨ ᠪᠠᠶ᠋ᠢᠭᠤᠯᠤᠯᠲᠠ ᠵᠢᠨ ᠬᠢᠷᠢ ᠲᠦᠪᠰᠢᠨ ᠪᠣᠯᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠰᠢᠨ᠎ᠡ ᠰᠠᠭᠤᠴᠠ ᠬᠤᠲᠠ ᠵᠢᠨ 《ᠬᠥᠬᠡᠮᠳᠦᠭ ᠠᠭᠤᠯᠠ᠂ ᠲᠤᠩᠭ᠋ᠠᠯᠠᠭ ᠤᠰᠤ ᠭᠡᠷᠡᠯᠲᠦ ᠨᠠᠷᠠ᠎ᠲᠠᠢ》 ᠠᠭᠤᠯᠠ ᠤᠰᠤ ᠴᠡᠴᠡᠷᠯᠢᠭᠲᠦ ᠬᠣᠲᠠ ᠵᠢᠨ ᠪᠦᠳᠦᠭᠡᠨ ᠪᠠᠶ᠋ᠢᠭᠤᠯᠤᠯᠲᠠ ᠵᠢᠨ ᠲᠣᠶ᠋ᠢᠮᠣ ᠲᠥᠰᠦᠪ᠎ᠢ ᠵᠢᠷᠤᠭᠯᠠᠪᠠ᠃ ᠡᠭᠦᠨ᠎ᠤ ᠵᠡᠷᠭᠡᠪᠡᠷ᠂ ᠪᠢᠳᠡ ᠬᠦᠴᠦᠨ ᠴᠢᠳᠠᠯ ᠵᠶ᠋ᠠᠨ ᠰᠢᠪᠬᠠᠨ ᠰᠠᠭᠤᠷᠢᠰᠢᠯ ᠠᠵᠢᠯ ᠦᠢ᠍ᠯᠡ ᠡᠷᠬᠢᠯᠡᠬᠦ᠎ᠳᠤ ᠲᠣᠬᠢᠷᠠᠮᠵᠢᠲᠠᠢ ᠰᠢᠨ᠎ᠡ ᠮᠠᠶᠢᠭ᠎ᠤᠨ ᠬᠤᠳᠠ ᠵᠢᠨ ᠲᠣᠭᠣᠷᠢᠭ᠎ᠢ ᠴᠢᠷᠮᠠᠶ᠋ᠢᠨ ᠴᠣᠭᠴᠠᠯᠠᠵᠤ᠂ ᠴᠡᠴᠡᠷᠯᠢᠭ᠂   ᠠᠭᠤᠳᠠᠮ ᠲᠠᠯᠠᠪᠠᠶ᠂ ᠲᠣᠭᠣᠷᠢᠭ ᠠᠷᠠᠯ᠂ ᠴᠡᠴᠡᠷᠯᠢᠭ ᠵᠶ᠋ᠠᠷ ᠵᠤᠭ᠋ᠠᠴᠠᠬᠤ ᠭᠠᠵᠠᠷ ᠪᠣᠯᠭ᠋ᠠᠭᠰᠠᠨ; ᠭᠣᠣᠯ ᠳᠡᠳ᠋ ᠵᠡᠭᠡᠯᠢ ᠵᠢᠨ ᠵᠠᠮ ᠵᠶ᠋ᠠᠷ ᠱᠤᠭᠤᠮ ᠪᠣᠯᠭ᠋ᠠᠭᠰᠠᠨ; ᠪᠠᠶ᠋ᠢᠭᠤᠯᠭ᠎ᠠ ᠵᠢᠴᠢ ᠣᠷᠣᠨ ᠰᠠᠭᠤᠴᠠ ᠵᠢᠨ ᠪᠠᠭ᠎ᠠ ᠲᠣᠭᠣᠷᠢᠭ᠎ᠤᠨ ᠬᠦᠷᠢᠶ᠎ᠡ ᠬᠠᠰᠢᠶ᠎ᠠ᠎ᠪᠠᠷ ᠨᠢᠭᠤᠷ ᠪᠣᠯᠭ᠋ᠠᠭᠰᠠᠨ ᠬᠤᠳᠠ ᠵᠢᠨ ᠶᠡᠷᠦᠩᠬᠡᠢ᠌ᠯᠡᠨ ᠣᠢ᠌ᠵᠢᠭᠤᠯᠤᠭᠰᠠᠨ ᠪᠠᠶ᠋ᠢᠷᠢᠰᠢᠯ᠎ᠢ ᠪᠤᠢ ᠪᠣᠯᠭ᠋ᠠᠪᠠ᠃ ᠡᠨᠡ ᠬᠡᠳᠦᠨ ᠵᠢᠯ᠎ᠤᠨ ᠬᠥᠭᠵᠢᠯᠲᠡ᠎ᠪᠠᠷ ᠳᠠᠮᠵᠢᠵᠤ᠂ ᠰᠢᠨ᠎ᠡ ᠰᠠᠭᠤᠴᠠ ᠵᠢᠨ ᠨᠣᠭᠣᠭ᠋ᠠᠷᠠᠭᠤᠯᠤᠯᠲᠠ ᠵᠢᠨ ᠶᠡᠷᠦᠩᠬᠡᠢ ᠲᠠᠯᠠᠪᠠᠶ᠎ᠨᠢ 445 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠴᠦ᠂ ᠰᠢᠨ᠎ᠡ ᠰᠠᠭᠤᠴᠠ ᠬᠤᠳᠠ ᠲᠣᠭᠣᠷᠢᠭ᠎ᠤᠨ ᠨᠣᠭᠣᠭ᠋ᠠᠷᠠᠭᠤᠯᠤᠯᠲᠠ ᠵᠢᠨ ᠪᠦᠷᠬᠦᠴᠡ ᠵᠢᠨ ᠨᠤᠷᠮ᠎ᠠ᠎ᠨᠢ 42.17 %᠎ᠳᠤ ᠬᠦᠷᠴᠦ᠂ ᠤᠰᠤᠨ ᠦᠵᠡᠮᠵᠢ ᠵᠢᠨ ᠴᠡᠴᠡᠷᠯᠢᠭ ᠵᠡᠷᠭᠡ 4 ᠲᠣᠮᠣ ᠬᠡᠯᠪᠡᠷᠢ ᠵᠢᠨ ᠴᠡᠴᠡᠷᠯᠢᠭ ᠪᠠ 9 ᠵᠢᠵᠢᠭ ᠬᠡᠯᠪᠡᠷᠢ ᠵᠢᠨ ᠵᠤᠭ᠋ᠠᠴᠠᠬᠤ ᠴᠡᠴᠡᠷᠯᠢᠭ᠎ᠢ ᠤᠷᠢᠳ ᠬᠣᠵᠢᠳ ᠪᠠᠢ᠌ᠭᠤᠯᠪᠠ᠂ ᠡᠯ᠎ᠡ ᠵᠦᠢ᠍ᠯ᠎ᠤᠨ ᠮᠣᠳᠣ 60 ᠭᠠᠷᠤᠢ ᠲᠥᠷᠥᠯ᠂ ᠡᠯ᠎ᠡ ᠲᠥᠷᠥᠯ᠎ᠤᠨ ᠲᠤᠷᠤᠭ ᠮᠣᠳᠣ 41 ᠲᠦᠮᠡᠨ ᠰᠠᠭᠤᠷᠢ᠂ ᠪᠣᠳᠠ ᠮᠣᠳᠣ 300 ᠲᠦᠮᠡᠨ ᠪᠤᠲᠠ᠂ ᠵᠦᠯᠭᠡ 30 ᠲᠦᠮᠡᠨ ᠲᠡᠭᠰᠢ ᠳᠥᠷᠪᠡᠯᠵᠢᠨ ᠮᠧᠲᠷ ᠵᠠᠶ᠋ᠢᠯᠠᠵᠤ ᠲᠠᠷᠢᠪᠠ᠃
      ᠭᠡᠷᠡᠯᠲᠦᠭᠦᠯᠦᠭᠡ ᠵᠢᠨ ᠲᠠᠯ᠎ᠠ᠎ᠪᠠᠷ᠂ ᠪᠢᠳᠡ ᠥᠨᠳᠥᠷ ᠪᠠᠷᠢᠮᠵᠢᠶ᠎ᠠ᠎ᠪᠠᠷ ᠲᠥᠯᠥᠪᠵᠢᠭᠦᠯᠵᠦ᠂ ᠴᠢᠨᠠᠷᠯᠢᠭ ᠪᠦᠲᠦᠭᠡᠨ ᠪᠠᠶ᠋ᠢᠭᠤᠯᠵᠤ᠂ ᠥᠨᠳᠥᠷ ᠲᠦᠪᠰᠢᠨ ᠵᠶ᠋ᠠᠷ ᠬᠠᠮᠢᠶᠠᠷᠴᠤ᠂ ᠨᠢᠭᠡ ᠪᠦᠯᠦᠭ ᠣᠬᠢ ᠰᠢᠯᠢᠳᠡᠭ ᠢᠨᠵᠧᠨᠧᠷᠢᠩ᠎ᠢ ᠪᠠᠢ᠌ᠭᠤᠯᠵᠤ᠂ ᠣᠳᠣ ᠦᠶ᠎ᠡ ᠵᠢᠨ ᠬᠣᠲᠠ ᠵᠢᠨ ᠥᠪᠡᠷᠮᠢᠴᠡ ᠲᠠᠲᠠᠬᠤ ᠬᠦᠴᠦᠨ᠎ᠢ ᠬᠠᠷᠠᠭᠤᠯᠪᠠ᠃ ᠣᠳᠣᠬᠠᠨ᠎ᠳᠤ᠂ ᠮᠠᠨ᠎ᠤ ᠰᠢᠨ᠎ᠡ ᠰᠠᠭᠤᠴᠠ ᠵᠢᠨ ᠪᠦᠬᠦᠢ᠌ᠯᠡ ᠨᠢᠭᠡᠴᠡ ᠵᠢᠨ ᠠᠯᠪᠠᠨ ᠠᠰᠠᠷ ᠪᠣᠯᠤᠨ ᠵᠡᠭᠡᠯᠢ ᠳᠠᠭ᠋ᠠᠤ ᠠᠵᠤ ᠠᠬᠤᠶ᠋ᠢᠯᠠᠯ᠂ ᠬᠤᠳᠠᠯᠳᠤᠭ᠎ᠠ᠂ ᠬᠤᠪᠢ ᠵᠢᠨ ᠡᠵᠡᠩᠨᠡᠯᠲᠡ ᠵᠢᠨ ᠡᠷᠦᠬᠡ ᠵᠢᠨ ᠳᠡᠯᠭᠡᠭᠦᠷ᠎ᠢ ᠪᠦᠭᠦᠳᠡ ᠵᠢ ᠭᠡᠷᠡᠯᠲᠦᠭᠦᠯᠬᠦ ᠵᠢ ᠪᠡᠶᠡᠯᠡᠭᠦᠯᠪᠡ᠃ ᠬᠤᠲᠠ ᠲᠣᠭᠣᠷᠢᠭ᠎ᠤᠨ ᠪᠠᠢ᠌ᠭᠤᠯᠤᠭᠰᠠᠨ ᠪᠤᠶ ᠪᠦᠬᠦᠢ ᠵᠠᠮ ᠳᠡᠭᠡᠷ᠎ᠡ ᠴᠥᠮ ᠵᠠᠮ᠎ᠤᠨ ᠳ᠋ᠸᠩ ᠤᠭᠰᠠᠷᠠᠵᠤ᠂ ᠭᠡᠷᠡᠯᠲᠦᠭᠦᠯᠦᠭᠡ ᠵᠢᠨ ᠵᠠᠮ᠎ᠤᠨ ᠪᠦᠬᠦ ᠣᠷᠳᠣ᠎ᠨᠢ 67 ᠲᠦᠮᠡᠨ ᠺᠢᠯᠣᠮᠧᠲᠷ᠎ᠲᠤ ᠬᠦᠷᠪᠡ᠃ ᠪᠢᠳᠡ ᠪᠠᠰᠠ ᠪᠦᠬᠦ ᠴᠡᠴᠡᠷᠯᠢᠭ᠂ ᠪᠠᠭ᠎ᠠ ᠴᠡᠴᠡᠷᠯᠢᠭ᠂ ᠠᠭᠤᠳᠠᠮ ᠲᠠᠯᠠᠪᠠᠶ᠂ ᠮᠤᠷᠤᠢ ᠵᠠᠮ ᠳᠡᠭᠡᠷ᠎ᠡ ᠬᠡᠯᠬᠢᠶᠡᠲᠦ ᠲᠣᠮᠣ ᠳ᠋ᠧᠩ᠂ ᠦᠵᠡᠮᠵᠢ ᠵᠢᠨ ᠴᠢᠯᠠᠭᠤ᠂ ᠮᠣᠳᠣᠨ ᠴᠥᠭᠥᠷᠥᠮ᠎ᠤᠨ ᠳ᠋ᠧᠩ ᠪᠠ ᠡᠯ᠎ᠡ ᠵᠦᠢ᠍ᠯ᠎ᠤᠨ ᠳᠦᠷᠰᠦ ᠪᠦᠲᠦᠭᠡᠯᠲᠡ ᠵᠢᠨ ᠳ᠋ᠧᠩ᠎ᠢ ᠤᠭᠰᠠᠷᠠᠵᠤ ᠬᠤᠳᠠ ᠵᠢᠨ ᠷᠣᠮᠠᠨᠲ᠋ᠢᠭ ᠰᠡᠳᠬᠢᠯᠭᠡ ᠵᠢ ᠢᠯᠡᠷᠡᠭᠦᠯᠪᠡ᠃
      ᠬᠥᠲᠥᠯᠥᠭᠴᠢ᠄
      ᠦᠵᠡᠬᠦ᠎ᠳᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ᠂ ᠦᠨᠡᠬᠡᠷ ᠥᠩᠭᠡ ᠦᠵᠡᠮᠵᠢ ᠦᠵᠡᠰᠬᠦᠯᠡᠩᠲᠦ ᠰᠠᠶ᠋ᠢᠬᠠᠨ ᠪᠣᠯᠣᠭᠰᠠᠨ ᠪᠠᠢ᠌ᠨ᠎ᠠ᠃ ᠸᠠᠩ ᠳᠠᠷᠤᠭ᠎ᠠ ᠡ ᠮᠢᠨᠦ ᠣᠶ᠋ᠢᠯᠠᠭ᠋ᠠᠭᠰᠠᠨ ᠵᠶ᠋ᠠᠷ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ᠎ᠨᠢ ᠪᠦᠬᠦᠯᠢ ᠴᠣᠭᠴᠠ ᠵᠢᠨ ᠭᠣᠶᠣ ᠰᠠᠶ᠋ᠢᠬᠠᠨ ᠣᠷᠴᠢᠨ ᠨᠥᠬᠥᠴᠡᠯ᠎ᠢ ᠴᠢᠷᠮᠠᠶ᠋ᠢᠨ ᠪᠣᠢ ᠪᠣᠯᠭ᠋ᠠᠭᠰᠠᠨ ᠵᠶ᠋ᠠᠷ ᠪᠠᠷᠠᠬᠤ ᠦᠭᠡᠢ ᠨᠡᠩ ᠴᠤ᠌ ᠴᠡᠴᠡᠷᠯᠢᠭ᠎ᠤᠨ ᠰᠡᠯᠡᠭᠦᠴᠡᠬᠦ ᠲᠣᠭᠣᠷᠢᠭ᠎ᠢ ᠭᠣᠢ᠌ᠳᠠ ᠰᠠᠢ᠌ᠬᠠᠨ ᠪᠦᠲᠦᠭᠡᠨ ᠪᠠᠢ᠌ᠭᠤᠯᠵᠠᠢ᠂ ᠡᠨᠡ ᠲᠠᠯ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠳᠠᠯ ᠵᠶ᠋ᠠᠨ ᠲᠠᠨᠢᠯᠴᠠᠭᠤᠯᠤᠭ᠋ᠠᠳ ᠥᠭᠭᠦᠨ᠎ᠡ ᠦᠦ?
      ᠸᠠᠩ ᠹᠦ᠋ ᠱᠦᠨ᠄
      ᠰᠢᠨ᠎ᠡ ᠰᠠᠭᠤᠴᠠ ᠵᠢᠨ ᠪᠦᠬᠦᠯᠢ ᠴᠣᠭᠴᠠ ᠵᠢᠨ ᠣᠷᠴᠢᠨ ᠲᠣᠭᠣᠷᠢᠨ᠎ᠢ ᠨᠣᠭᠣᠭ᠋ᠠᠷᠠᠭᠤᠯᠬᠤ ᠵᠢ ᠰᠠᠶ᠋ᠢᠲᠤᠷ ᠬᠢᠭᠰᠡᠨ ᠤᠷᠢᠲᠠᠯ ᠳᠣᠣᠷ᠎ᠠ᠂ ᠪᠢᠳᠡ ᠰᠣᠳᠣᠨ ᠢᠨᠵᠧᠨᠧᠷᠢᠩ᠎ᠢ ᠰᠠᠶ᠋ᠢᠲᠤᠷ ᠬᠢᠬᠦ ᠵᠢ ᠨᠡᠩ ᠴᠢᠬᠤᠯᠠᠴᠢᠯᠠᠵᠤ᠂ ᠵᠢᠵᠢᠭ ᠰᠠᠵᠢᠭ ᠲᠠᠯ᠎ᠠ᠎ᠪᠠᠷ ᠴᠦ᠍ ᠬᠤᠲᠠ ᠵᠢᠨ ᠪᠦᠲᠦᠭᠡᠨ ᠪᠠᠶ᠋ᠢᠭᠤᠯᠤᠯᠲᠠ ᠵᠢᠨ ᠳᠡᠭᠡᠳᠦ ᠳᠡᠰ᠎ᠤᠨ ᠲᠦᠪᠰᠢᠨ᠎ᠢ ᠬᠠᠷᠠᠭᠤᠯᠪᠠ᠃ ᠤᠷᠢᠳ ᠬᠣᠵᠢᠳ ᠲᠤᠮᠤ ᠬᠡᠯᠪᠡᠷᠢ ᠵᠢᠨ ᠴᠡᠴᠡᠷᠯᠢᠭ 4 ᠰᠠᠭᠤᠷᠢ᠂ ᠲᠤᠬᠠᠢ᠌ᠯᠠᠪᠠᠯ ᠠᠷᠤ ᠵᠢᠨ ᠠᠭᠤᠯᠠ ᠵᠢᠨ ᠤᠷᠭᠤᠮᠠᠯ᠎ᠤᠨ ᠬᠦᠷᠢᠶᠡᠯᠡᠩ᠂ ᠤᠰᠦᠠ ᠦᠵᠡᠮᠵᠢ ᠵᠢᠨ ᠴᠡᠴᠡᠷᠯᠢᠭ᠂ ᠬᠣᠷᠴᠢᠨ ᠴᠡᠴᠡᠷᠯᠢᠭ ᠪᠠ ᠲᠠᠶ᠋ᠢᠨᠢᠩ ᠵᠡᠭᠡᠯᠢ ᠵᠢᠨ ᠲᠥᠪ ᠴᠡᠴᠡᠷᠯᠢᠭ᠎ᠢ ᠪᠠᠢ᠌ᠭᠤᠯᠵᠤ᠂ ᠲᠣᠮᠣ ᠬᠡᠯᠪᠡᠷᠢ ᠵᠢᠨ ᠬᠣᠷᠴᠢᠨ ᠠᠭᠤᠳᠠᠮ ᠲᠠᠯᠠᠪᠠᠢ ᠵᠢ ᠪᠠᠢ᠌ᠭᠤᠯᠵᠤ᠂ ᠵᠤᠭ᠋ᠠᠴᠠᠯ ᠴᠡᠴᠡᠷᠯᠢᠭ 9 ᠰᠠᠭᠤᠷᠢ ᠵᠢ ᠪᠠᠢ᠌ᠭᠤᠯᠵᠤ᠂ ᠰᠠᠷᠠᠪᠴᠢ᠂ ᠬᠤᠨᠭ᠌ᠬᠢᠯ ᠵᠠᠮ᠂ ᠬᠥᠭᠥᠷᠭᠡ᠂ ᠲᠠᠪᠴᠠᠩ ᠵᠣᠬᠢᠶᠠᠮᠠᠯ ᠠᠷᠠᠯ᠂ ᠱᠤᠭᠤᠮᠠᠯ ᠵᠡᠷᠭᠡ ᠦᠵᠡᠮᠵᠢ ᠬᠢᠭᠡᠳ ᠰᠡᠯᠡᠭᠦᠴᠡᠯ᠂ ᠪᠡᠶ᠎ᠡ ᠴᠢᠭᠢᠷᠠᠭᠵᠢᠭᠤᠯᠬᠤ ᠵᠡᠷᠭᠡ ᠲᠥᠬᠥᠭᠡᠷᠦᠮᠵᠢ ᠵᠢ ᠲᠣᠬᠢᠷᠠᠭᠤᠯᠪᠠ᠃ ᠴᠡᠴᠡᠷᠯᠢᠭ᠂ ᠵᠤᠭ᠋ᠠᠴᠠᠯ ᠬᠦᠷᠢᠶᠡᠯᠡᠩ᠎ᠢ ᠨᠣᠭᠣᠭ᠋ᠠᠷᠠᠭᠤᠯᠬᠤ ᠳᠤᠮᠳᠠ᠂ ᠰᠣᠨᠢᠨ ᠬᠡᠯᠪᠡᠷᠢᠲᠦ ᠮᠣᠳᠣ᠂ ᠵᠢᠮᠢᠰ᠎ᠤᠨ ᠮᠣᠳᠣ᠂ ᠦᠵᠡᠮᠵᠢ ᠵᠢᠨ ᠮᠣᠳᠣ ᠵᠡᠷᠭᠡ 50 ᠭᠠᠷᠤᠢ ᠵᠦᠢ᠍ᠯ᠎ᠤᠨ ᠮᠣᠳᠣ ᠵᠢ ᠭᠣᠣᠯᠳᠠᠯᠭ᠎ᠠ᠎ᠲᠠᠢ ᠰᠣᠩᠭᠣᠨ ᠬᠡᠷᠡᠭᠯᠡᠵᠦ᠂ ᠰᠢᠨ᠎ᠡ ᠰᠠᠭᠤᠴᠠ ᠵᠢᠨ ᠨᠣᠭᠣᠭ᠋ᠠᠷᠠᠭᠤᠯᠤᠯᠲᠠ ᠵᠢ ᠬᠠᠪᠤᠷ ᠨᠠᠪᠴᠢᠲᠤ ᠦᠵᠡᠮᠵᠢ ᠰᠣᠨᠢᠷᠬᠠᠬᠤ᠂ ᠵᠤᠨ ᠴᠡᠴᠡᠭ ᠬᠤᠸᠠᠷ ᠰᠣᠨᠢᠷᠬᠠᠬᠤ᠂ ᠨᠠᠮᠤᠷ ᠠᠯᠢᠮ᠎ᠠ ᠵᠢᠮᠢᠰ ᠠᠮᠲᠠᠯᠠᠬᠤ᠂ ᠡᠪᠦᠯ ᠴᠠᠰᠤᠲᠤ ᠨᠠᠷᠠᠰᠤ ᠰᠣᠨᠢᠷᠬᠠᠬᠤ ᠦᠷ᠎ᠡ ᠪᠦᠲᠦᠮᠵᠢ᠎ᠳᠤ ᠬᠦᠷᠦᠭᠦᠯᠪᠡ᠃ ᠰᠢᠨ᠎ᠡ ᠰᠠᠭᠤᠴᠠ᠎ᠪᠠᠷ ᠥᠩᠭᠡᠷᠡᠬᠦ ᠤᠢ᠌ᠯᠠᠷ ᠭᠣᠣᠯ᠂ ᠤᠳᠠᠨ ᠭᠣᠣᠯ᠎ᠤᠨ ᠡᠮᠦᠨ᠎ᠡ ᠬᠣᠢ᠌ᠨᠠᠬᠢ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠬᠣᠶᠠᠷ ᠡᠷᠭᠢ ᠵᠢᠨ ᠵᠤᠭ᠋ᠠᠴᠠᠯ᠎ᠤᠨ ᠬᠦᠷᠢᠶᠡᠯᠡᠩ ᠪᠣᠯᠤᠨ ᠤᠰᠤᠨ ᠦᠵᠡᠮᠵᠢ ᠵᠢᠨ ᠴᠡᠴᠡᠷᠯᠢᠭ ᠬᠠᠷᠢᠯᠴᠠᠨ ᠭᠡᠷᠡᠯ ᠭᠢᠯᠪᠠᠭ᠎ᠠ᠎ᠪᠠᠨ ᠰᠠᠴᠤᠷᠠᠭᠤᠯᠵᠤ᠂ ᠣᠰᠣᠨ ᠰᠢᠰᠲ᠋ᠧᠮ ᠳᠠᠭ᠋ᠠᠤ ᠴᠡᠴᠡᠷᠯᠢᠭ᠎ᠤᠨ ᠦᠵᠡᠮᠵᠢᠲᠦ ᠪᠦᠰᠡ ᠵᠢ ᠪᠦᠷᠢᠯᠳᠦᠭᠦᠯᠪᠡ᠃
      ᠬᠥᠲᠥᠯᠥᠭᠴᠢ᠄
      ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠪᠤᠯ ᠲᠡᠷᠡ ᠴᠢᠭ ᠵᠶ᠋ᠡᠷ ᠵᠶ᠋ᠡᠨ ᠲᠤᠮᠤ ᠴᠡᠴᠡᠷᠯᠢᠭ ᠪᠤᠯᠬᠤ ᠪᠦᠭᠡᠳ ᠦᠨᠡᠬᠡᠷ ᠭᠤᠢ᠌ᠲᠠ ᠰᠠᠶ᠋ᠢᠬᠠᠨ ᠡᠮᠦᠨᠡᠲᠦ ᠬᠣᠰᠢᠭᠤ ᠪᠠᠢ᠌ᠨ᠎ᠠ᠃ ᠲᠡᠭᠡᠪᠡᠯ ᠬᠤᠳᠠ ᠵᠢ ᠲᠦᠯᠦᠪᠵᠢᠭᠦᠯᠦᠨ ᠪᠦᠲᠦᠭᠡᠨ ᠪᠠᠢ᠌ᠭᠤᠯᠬᠤ ᠲᠠᠯ᠎ᠠ᠎ᠪᠠᠷ ᠭᠣᠣᠯᠳᠠᠭᠤ ᠶᠠᠮᠠᠷ ᠶᠠᠮᠠᠷ ᠠᠵᠢᠯ ᠬᠢᠭᠰᠡᠨ ᠪᠤᠢ?
      ᠸᠠᠩ ᠹᠦ᠋ ᠱᠦᠨ᠄
      ᠦᠨᠡᠨ᠎ᠳᠡᠭᠡᠨ ᠪᠢᠳᠡ ᠣᠷᠣᠨ ᠪᠦᠰᠡ ᠵᠢᠨ ᠲᠥᠪ ᠬᠤᠳᠠ ᠵᠢ ᠴᠤᠭᠴᠠᠯᠠᠨ ᠪᠠᠢ᠌ᠭᠤᠯᠬᠤ᠎ᠳᠤ᠂ ᠡᠮᠦᠨᠡᠲᠦ ᠬᠣᠰᠢᠭᠤᠨ᠎ᠤ ᠰᠢᠨ᠎ᠡ ᠰᠠᠭᠤᠴᠠ ᠵᠢᠨ ᠶᠡᠷᠦᠩᠬᠡᠶ᠋ᠢᠯᠡᠭᠰᠡᠨ ᠳᠠᠭ᠋ᠠᠭ᠋ᠠᠴᠠ ᠬᠦᠴᠦᠨ᠂ ᠰᠢᠩᠭᠡᠭᠡᠨ ᠪᠠᠭᠲᠠᠭ᠋ᠠᠬᠤ ᠬᠦᠴᠦᠨ᠂ ᠳᠠᠶ᠋ᠢᠴᠢᠯᠠᠬᠤ ᠬᠦᠴᠦᠨ ᠪᠠ ᠨᠥᠯᠥᠭᠡᠯᠡᠬᠦ ᠬᠦᠴᠦᠨ᠎ᠢ ᠭᠦᠢ᠍ᠴᠡᠳ ᠪᠠᠳᠠᠷᠠᠭᠤᠯᠤᠭᠰᠠᠨ ᠶᠤᠮ᠃
      ᠡᠩ ᠲᠡᠷᠢᠭᠦᠨ᠎ᠳᠤ᠂ ᠲᠥᠯᠥᠪᠵᠢᠭᠦᠯᠭᠡ᠎ᠪᠠᠨ ᠰᠠᠶ᠋ᠢᠲᠤᠷ ᠬᠢᠵᠦ ᠬᠥᠲᠥᠯᠥᠨ ᠵᠢᠯᠤᠭᠤᠳᠪᠠ᠃ ᠤᠢ᠍ᠢ᠍ᠷ᠎ᠠ ᠵᠢᠨ ᠵᠢᠯ᠎ᠤᠳ᠎ᠲᠤ᠂ ᠪᠢᠳᠡ ᠬᠤᠲᠠ ᠵᠢᠨ ᠲᠣᠭᠣᠷᠢᠭ᠎ᠤᠨ ᠶᠡᠷᠦᠩᠬᠡᠶ ᠲᠥᠯᠥᠪᠵᠢᠭᠦᠯᠭᠡ ᠪᠠ ᠡᠵᠡᠮᠰᠢᠯ᠎ᠤᠨ ᠴᠢᠨᠠᠷᠲᠠᠢ ᠨᠠᠷᠢᠨ ᠲᠦᠯᠦᠪᠵᠢᠭᠦᠯᠭᠡ ᠵᠢ ᠨᠠᠢ᠌ᠷᠠᠭᠤᠯᠤᠨ ᠵᠤᠬᠢᠶᠠᠵᠤ᠂ ᠬᠣᠳᠠ ᠵᠢᠨ ᠭᠣᠣᠯ ᠵᠠᠮ᠎ᠤᠨ ᠵᠢᠷᠤᠭ ᠲᠥᠯᠥᠪᠯᠡᠭᠡ ᠪᠠ ᠦᠵᠡᠮᠵᠢ ᠵᠢᠨ ᠵᠢᠷᠤᠭ ᠲᠥᠯᠥᠪᠯᠡᠭᠡ ᠵᠢ ᠪᠡᠶᠡᠯᠡᠭᠦᠯᠵᠦ᠂ ᠬᠤᠲᠠ ᠵᠢᠨ ᠲᠤᠭᠤᠷᠢᠭ᠎ᠤᠨ 30 ᠲᠡᠭᠰᠢ ᠳᠥᠷᠪᠡᠯᠵᠢᠨ ᠺᠢᠯᠣᠮᠧᠲᠷ ᠬᠡᠪᠴᠢᠶᠡᠨ᠎ᠳᠠᠬᠢ ᠬᠤᠳᠠᠯᠳᠤᠭ᠎ᠠ᠂ ᠤᠳᠬ᠎ᠠ ᠤᠷᠠᠯᠢᠭ ᠪᠡᠶ᠎ᠡ ᠵᠢᠨ ᠲᠠᠮᠢᠷ᠂ ᠵᠤᠭ᠎ᠠ ᠴᠡᠩᠭᠡᠯ᠂ ᠰᠤᠷᠭ᠋ᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭ᠋ᠠᠯᠠᠯ ᠵᠡᠷᠭᠡ ᠭᠤᠷᠪᠠᠳᠤᠭ᠋ᠠᠷ ᠠᠵᠤ ᠦᠢ᠍ᠯᠡᠰ᠎ᠤᠨ ᠲᠥᠷᠥᠯ ᠵᠦᠢ᠍ᠯ᠎ᠢ ᠲᠣᠬᠢᠷᠠᠭᠤᠯᠬᠤ ᠬᠡᠪᠴᠢᠶ᠎ᠡ᠂ ᠬᠡᠷᠡᠭᠯᠡᠬᠦ ᠭᠠᠵᠠᠷ᠎ᠤᠨ ᠣᠷᠣᠨ ᠪᠠᠢ᠌ᠷᠢ ᠵᠡᠷᠭᠡ᠎ᠳᠤ ᠴᠦᠮ ᠲᠣᠳᠣᠷᠬᠠᠶ ᠱᠠᠭ᠋ᠠᠷᠳᠠᠯᠭ᠎ᠠ ᠲᠤᠷᠠᠳᠴᠤ᠂ ᠬᠤᠲᠠ ᠵᠢᠨ ᠭᠤᠷᠪᠠᠳᠤᠭ᠋ᠠᠷ ᠠᠵᠤ ᠦᠢ᠍ᠯᠡᠰ᠎ᠢ ᠬᠥᠭᠵᠢᠭᠦᠯᠬᠦ᠎ᠳᠤ ᠨᠡᠯᠢᠶᠡᠳ ᠰᠠᠢ᠍ᠢ᠍ᠨ ᠬᠥᠲᠥᠯᠥᠨ ᠵᠢᠯᠣᠭᠣᠳᠬᠤ ᠦᠢ᠍ᠯᠡᠳᠦᠯ ᠦᠵᠡᠭᠦᠯᠪᠡ᠃
      ᠲᠠᠷᠠᠭ᠎ᠠ᠎ᠳᠤᠨᠢ᠂ ᠲᠥᠷᠥᠯ ᠵᠦᠢ᠍ᠯ᠎ᠤᠨ ᠬᠤᠳᠠᠯᠳᠤᠭ᠋ᠠᠴᠢᠨ ᠤᠷᠢᠬᠤ ᠵᠢ ᠰᠠᠶ᠋ᠢᠲᠤᠷ ᠬᠢᠪᠡ᠃ ᠪᠢᠳᠡ ᠭᠤᠷᠪᠠᠳᠤᠭ᠋ᠠᠷ ᠠᠵᠤ ᠦᠢ᠍ᠯᠡᠰ᠎ᠤᠨ ᠲᠥᠷᠥᠯ ᠵᠦᠢ᠍ᠯ᠎ᠤᠨ ᠬᠤᠳᠠᠯᠳᠤᠭ᠋ᠠᠴᠢᠨ ᠤᠷᠢᠬᠤ ᠵᠢ ᠶᠡᠬᠡᠪᠡᠷ ᠲᠦᠯᠬᠢᠨ ᠠᠬᠢᠭᠤᠯᠬᠤ᠎ᠪᠠᠷ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠢᠨ ᠴᠢᠬᠤᠯᠠ᠎ᠠᠴᠠ ᠴᠢᠬᠤᠯᠠ ᠶᠠᠪᠤᠳᠠᠯ ᠪᠤᠯᠭ᠋ᠠᠨ ᠠᠳᠬᠤᠵᠤ᠂ 《ᠬᠠᠮᠤᠭ᠎ᠤᠨ ᠶᠡᠬᠡ ᠵᠢ ᠬᠦᠰᠡᠬᠦ ᠪᠢᠰᠢ᠂ ᠬᠠᠷᠢᠨ ᠬᠠᠮᠤᠭ᠎ᠤᠨ ᠰᠠᠢ᠌ᠨ᠎ᠢ ᠱᠠᠭ᠋ᠠᠷᠳᠠᠬᠤ》 ᠱᠠᠭ᠋ᠠᠷᠳᠠᠯᠭ᠎ᠠ ᠶᠤᠰᠤᠭ᠋ᠠᠷ᠂ ᠤᠷᠢᠳ ᠬᠣᠵᠢᠳ ᠰᠢᠩ ᠺᠧ᠂ ᠢᠦᠢ ᠺᠧ᠂ ᠪᠢ ᠭᠦᠢ ᠶᠤᠸᠠᠨ ᠵᠡᠷᠭᠡ ᠲᠤᠮᠤ ᠬᠡᠯᠪᠡᠷᠢ ᠵᠢᠨ ᠪᠠᠭ᠎ᠠ ᠲᠣᠭᠣᠷᠢᠭ᠎ᠢ ᠡᠮᠦᠨᠡᠲᠦ ᠬᠤᠰᠢᠭᠤᠨ᠎ᠳᠤ ᠣᠷᠣᠭᠤᠯᠤᠨ ᠠᠪᠴᠢᠷᠠᠵᠤ᠂ ᠰᠢᠨ᠎ᠡ ᠰᠠᠭᠤᠴᠠ ᠵᠢᠨ ᠭᠡᠷ ᠭᠠᠵᠠᠷ ᠬᠦᠷᠦᠩᠭᠡ ᠵᠢᠨ ᠦᠢ᠍ᠯᠡᠰ᠎ᠤᠨ ᠨᠢᠰᠬᠦ ᠮᠡᠲᠦ ᠲᠦᠷᠭᠡᠨ ᠬᠦᠭᠵᠢᠬᠦ᠎ᠳᠤ ᠰᠠᠭᠤᠷᠢ ᠲᠠᠯᠪᠢᠵᠤ ᠥᠭᠭᠦᠭᠰᠡᠨ ᠪᠠᠶ᠋ᠢᠨ᠎ᠠ᠃
      ᠭᠤᠷᠪᠠ᠎ᠳᠤ᠂ ᠣᠷᠴᠢᠨ ᠠᠬᠤᠶ ᠵᠢᠨ ᠳᠠᠪᠠᠭᠤᠯᠢᠭ᠎ᠢ ᠪᠠᠳᠠᠷᠠᠭᠤᠯᠪᠠ᠃ ᠮᠠᠨ᠎ᠤ ᠬᠣᠰᠢᠭᠤᠨ᠎ᠤ ᠳᠠᠪᠠᠭᠤᠯᠢᠭ ᠲᠠᠯ᠎ᠠ᠎ᠨᠢ ᠪᠠᠶ᠋ᠢᠭ᠋ᠠᠯᠢ ᠵᠢᠨ ᠣᠷᠴᠢᠨ ᠲᠣᠭᠣᠷᠢᠨ᠎ᠤ ᠲᠠᠯ᠎ᠠ᠎ᠪᠠᠷ ᠳᠤᠪᠤᠢ᠌ᠮ᠎ᠠ ᠪᠠᠢ᠌ᠳᠠᠭ᠂ ᠬᠡᠳᠦᠶ᠋ᠢᠪᠡᠷ ᠲᠤᠬᠠᠶ ᠵᠢᠨ ᠦᠶ᠎ᠡ᠎ᠳᠤ ᠤᠯᠠᠨ ᠨᠡᠶ᠋ᠢᠲᠡ ᠵᠢᠨ ᠦᠢ᠍ᠯᠡᠴᠢᠯᠡᠭᠡ᠂ ᠬᠤᠳᠠᠯᠳᠤᠭ᠋ᠠᠨ᠎ᠤ ᠣᠷᠴᠢᠨ ᠨᠥᠬᠥᠴᠡᠯ ᠵᠡᠷᠭᠡ ᠮᠠᠰᠢ ᠤᠯᠠᠨ ᠲᠠᠯ᠎ᠠ᠎ᠪᠠᠷ ᠤᠯᠠᠭ᠋ᠠᠨᠬᠤᠲᠠ᠎ᠲᠠᠢ ᠠᠳᠠᠯᠢᠳᠬᠠᠬᠤ ᠵᠢᠨ ᠠᠷᠭ᠎ᠠ ᠦᠭᠡᠢ ᠪᠠᠢ᠌ᠭᠰᠠᠨ ᠪᠤᠯᠪᠠᠴᠤ ᠵᠠᠮ ᠬᠠᠷᠢᠯᠴᠠᠭ᠎ᠠ᠂ ᠨᠣᠭᠣᠭ᠋ᠠᠷᠠᠭᠤᠯᠤᠯᠲᠠ᠂ ᠬᠥᠭᠵᠢᠯᠲᠡ ᠵᠢᠨ ᠣᠷᠣᠨ ᠵᠠᠶ᠂ ᠠᠭ᠋ᠠᠷ ᠮᠠᠨᠳᠠᠯ᠎ᠤᠨ ᠶᠠᠰᠤ ᠴᠢᠨᠠᠷ ᠵᠡᠷᠭᠡ ᠲᠠᠯ᠎ᠠ᠎ᠪᠠᠷ ᠥᠪᠡᠷᠮᠢᠴᠡ ᠳᠠᠪᠠᠭᠤᠯᠢᠭ ᠲᠠᠯ᠎ᠠ᠎ᠲᠠᠢ ᠪᠠᠢ᠌ᠵᠤ᠂ ᠬᠥᠮᠦᠰ᠎ᠤᠨ ᠠᠵᠢᠯ ᠠᠮᠢᠳᠤᠷᠠᠯ᠎ᠳᠤ ᠮᠠᠰᠢ ᠲᠣᠬᠢᠷᠠᠮᠵᠢᠲᠠᠶ ᠪᠠᠢ᠌ᠭᠰᠠᠨ ᠶᠤᠮ᠃ ᠡᠶ᠋ᠢᠮᠦ᠎ᠠᠴᠠ᠂ ᠪᠢᠳᠡ ᠰᠢᠨ᠎ᠡ ᠰᠠᠭᠤᠴᠠ᠎ᠪᠠᠨ ᠪᠠᠶ᠋ᠢᠭ᠋ᠠᠯᠢ ᠵᠢᠨ ᠣᠷᠴᠢᠨ ᠲᠣᠭᠣᠷᠢᠨ ᠲᠠᠭ᠋ᠠᠲᠠᠶ ᠠᠭᠤᠯᠠ ᠤᠰᠤ᠎ᠲᠠᠢ ᠣᠷᠣᠰᠢᠨ ᠰᠠᠭᠤᠬᠤ᠎ᠳᠤ ᠲᠣᠬᠢᠷᠠᠮᠵᠢᠲᠠᠶ ᠲᠦᠷᠦᠯ᠎ᠤᠨ ᠰᠢᠨ᠎ᠡ ᠬᠣᠲᠠ ᠪᠤᠯᠭ᠋ᠠᠨ ᠪᠠᠢ᠌ᠭᠤᠯᠵᠤ᠂ ᠬᠥᠮᠦᠨ ᠠᠮᠠ ᠵᠢ ᠲᠦᠪᠯᠡᠷᠡᠭᠦᠯᠦᠯ ᠪᠠ ᠭᠡᠷ ᠭᠠᠵᠠᠷ ᠬᠥᠷᠤᠨᠭ᠌ᠭᠡ ᠵᠢᠨ ᠬᠦᠭᠵᠢᠯᠲᠡ ᠵᠢ ᠤᠯᠠᠮ ᠨᠢᠭᠡ ᠠᠯᠬᠤᠮ ᠠᠬᠢᠭᠤᠯᠪᠠ᠃
      ᠢᠯᠠᠩᠭᠤᠶ᠎ᠠ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ ᠲᠠᠯ᠎ᠠ᠎ᠪᠠᠷ᠂ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠶ ᠭᠡᠷ ᠪᠠᠶ᠋ᠢᠰᠢᠩ᠎ᠢ ᠥᠭᠡᠷᠡᠴᠢᠯᠡᠬᠦ ᠪᠠ ᠠᠮᠢ ᠠᠬᠤᠶ ᠵᠢᠨ ᠨᠡᠭᠦᠳᠡᠯ ᠠᠷᠠᠳ᠎ᠤᠨ ᠪᠠᠭ᠎ᠠ ᠲᠣᠭᠣᠷᠢᠭ᠎ᠤᠨ ᠪᠥᠳᠥᠭᠡᠨ ᠪᠠᠶ᠋ᠢᠭᠤᠯᠤᠯᠲᠠ ᠵᠢ ᠴᠢᠬᠤᠯᠠᠴᠢᠯᠠᠪᠠ᠃ ᠮᠠᠨ᠎ᠤ ᠬᠣᠰᠢᠭᠤ ᠢᠮᠠᠭᠲᠠ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠶ ᠬᠡᠷ ᠪᠠᠶ᠋ᠢᠰᠢᠩ᠎ᠢ ᠰᠢᠨᠡᠳᠬᠡᠨ ᠵᠠᠰᠠᠬᠤ ᠠᠵᠢᠯ᠎ᠢ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠂ ᠨᠡᠶ᠋ᠢᠭᠡᠮ ᠵᠢᠷᠤᠮᠲᠤ ᠰᠢᠨ᠎ᠡ ᠲᠠᠷᠢᠶᠠᠯᠠᠬᠤ ᠲᠣᠰᠬᠣᠨ ᠰᠢᠨ᠎ᠡ ᠮᠠᠯᠵᠢᠬᠤ ᠣᠷᠣᠨ᠎ᠤ ᠪᠥᠳᠥᠭᠡᠨ ᠪᠠᠶ᠋ᠢᠭᠤᠯᠤᠯᠲᠠ ᠵᠢ ᠲᠦᠷᠭᠡᠳᠬᠡᠬᠦ ᠨᠢᠭᠡ ᠵᠦᠢ᠍ᠯ᠎ᠤᠨ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠣᠯᠭ᠋ᠠᠨ ᠠᠳᠬᠤᠵᠤ᠂ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠨᠠᠷᠢᠨ ᠨᠢᠮᠪᠠᠶ ᠵᠣᠬᠢᠶᠠᠨ ᠪᠠᠶ᠋ᠢᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠦᠨ᠂ ᠣᠷᠣᠭᠤᠯᠤᠯᠲᠠ᠎ᠪᠠᠨ ᠨᠡᠮᠡᠭᠳᠡᠭᠦᠯᠵᠦ᠂ ᠭᠣᠣᠯᠳᠠᠯᠭ᠎ᠠ᠎ᠲᠠᠢ ᠰᠢᠪᠲᠤᠯᠵᠤ᠂ ᠮᠠᠨ᠎ᠤ ᠬᠣᠰᠢᠭᠤᠨ᠎ᠤ ᠨᠤᠷᠠᠬᠤ ᠠᠶᠤᠯᠲᠠᠶ ᠭᠡᠷ ᠪᠠᠶ᠋ᠢᠰᠢᠩ᠎ᠢ ᠥᠭᠡᠷᠡᠴᠢᠯᠡᠬᠦ ᠠᠵᠢᠯ   ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠭᠡᠯ ᠤᠯᠵᠠᠢ᠃ 2009 - 2014 ᠤᠨ᠎ᠳᠤ ᠨᠡᠢ᠌ᠲᠡ 15300 ᠡᠷᠦᠬᠡ ᠨᠤᠷᠠᠬᠤ ᠠᠶᠤᠯᠲᠠᠶ ᠭᠡᠷ ᠪᠠᠶ᠋ᠢᠰᠢᠩ᠎ᠢ ᠥᠭᠡᠷᠡᠴᠢᠯᠡᠬᠦ ᠵᠢ ᠪᠡᠶᠡᠯᠡᠭᠦᠯᠵᠦ᠂ ᠢᠯᠠᠩᠭᠤᠶ᠎ᠠ 2015 ᠣᠨ᠎ᠳᠤ ᠨᠤᠷᠠᠬᠤ ᠠᠶᠤᠯᠲᠠᠶ ᠭᠡᠷ ᠪᠠᠶ᠋ᠢᠰᠢᠩ᠎ᠢ ᠥᠭᠡᠷᠡᠴᠢᠯᠡᠬᠦ ᠭᠦᠢ᠍ᠴᠡᠳᠬᠡᠯ ᠲᠣᠭ᠎ᠠ ᠦᠭᠡᠢ ᠪᠠᠶ᠋ᠢᠳᠠᠯ ᠳᠣᠣᠷ᠎ᠠ᠂ ᠮᠠᠨ᠎ᠤ ᠬᠤᠰᠢᠭᠤ ᠠᠷᠪᠠ ᠵᠢ ᠪᠦᠷᠢᠨ ᠪᠦᠷᠬᠦᠭᠦᠯᠬᠦ ᠢᠨᠵᠧᠨᠧᠷᠢᠩ᠎ᠲᠠᠢ ᠤᠶᠠᠯᠳᠤᠭᠤᠯᠤᠨ 5814 ᠡᠷᠦᠬᠡ ᠨᠤᠷᠠᠬᠤ ᠠᠶᠤᠯᠲᠠᠶ ᠭᠡᠷ ᠪᠠᠶ᠋ᠢᠰᠢᠩ᠎ᠢ ᠥᠭᠡᠷᠡᠴᠢᠯᠡᠬᠦ ᠵᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠣᠷᠣᠨ ᠰᠠᠭᠤᠴᠠ ᠵᠢᠨ ᠠᠰᠠᠭᠤᠳᠠᠯ᠎ᠢ ᠪᠦᠲᠦᠮᠵᠢᠲᠡᠶ᠎ᠪᠠᠷ ᠰᠢᠢ᠍ᠳᠪᠦᠷᠢᠯᠡᠪᠡ᠃
      ᠬᠤᠳᠠ ᠪᠠᠯᠭ᠋ᠠᠰᠤᠴᠢᠯᠠᠬᠤ ᠠᠬᠢᠴᠠ ᠵᠢ ᠤᠯᠠᠮ ᠨᠢᠭᠡ ᠠᠯᠬᠤᠮ ᠲᠦᠷᠭᠡᠳᠬᠡᠵᠦ᠂ ᠬᠤᠳᠠ ᠪᠠᠯᠭ᠋ᠠᠰᠤᠴᠢᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠠᠮᠢ ᠠᠬᠤᠶ ᠵᠢᠨ ᠣᠷᠴᠢᠨ ᠨᠥᠬᠥᠴᠡᠯ᠎ᠢ ᠬᠠᠮᠠᠭ᠋ᠠᠯᠠᠨ᠂ ᠮᠠᠯᠴᠢᠨ ᠲᠠᠷᠢᠶᠠᠴᠢᠳ᠎ᠤᠨ ᠣᠷᠣᠨ ᠰᠠᠭᠤᠴᠠ ᠵᠢᠨ ᠨᠥᠬᠥᠴᠡᠯ᠎ᠢ ᠰᠠᠶ᠋ᠢᠵᠢᠷᠠᠭᠤᠯᠬᠤ ᠵᠢᠨ ᠲᠦᠯᠦᠭᠡ᠂ ᠪᠢᠳᠡ 2012 ᠣᠨ᠎ᠳᠤ 23 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠶ ᠪᠦᠬᠦᠢ ᠠᠮᠢ ᠠᠬᠤᠶ ᠵᠢᠨ ᠠᠷᠠᠳ᠎ᠢ ᠨᠡᠭᠦᠯᠭᠡᠬᠦ ᠪᠠᠭ᠎ᠠ ᠲᠣᠭᠣᠷᠢᠭ ᠪᠠᠢ᠌ᠭᠤᠯᠪᠠ᠃ ᠪᠠᠭ᠎ᠠ ᠲᠣᠭᠣᠷᠢᠭ᠎ᠤᠨ ᠲᠥᠯᠥᠪᠵᠢᠭᠦᠯᠭᠡ ᠵᠢᠨ ᠡᠵᠡᠯᠡᠬᠦ ᠲᠠᠯᠠᠪᠠᠶ᠎ᠨᠢ 230 ᠮᠥ᠍᠂ ᠪᠠᠷᠢᠯᠭ᠎ᠠ ᠵᠢᠨ ᠲᠠᠯᠠᠪᠠᠶ᠎ᠨᠢ ᠪᠠᠷᠤᠭ 23 ᠲᠦᠮᠡᠨ ᠲᠡᠭᠰᠢ ᠳᠥᠷᠪᠡᠯᠵᠢᠨ ᠮᠧᠲᠷ᠂ ᠶᠡᠷᠦᠩᠬᠡᠶ ᠪᠡᠯᠡ ᠣᠷᠣᠭᠤᠯᠤᠯᠲᠠ᠎ᠨᠢ 4.7 ᠳ᠋ᠦᠩᠰᠢᠭᠤᠷ ᠲᠥᠭᠥᠷᠢᠭ ᠪᠠᠢ᠌ᠵᠤ᠂ 2800 ᠡᠷᠦᠬᠡ᠂ 10000 ᠬᠥᠮᠦᠨ᠎ᠢ ᠪᠠᠭᠲᠠᠭ᠋ᠠᠵᠤ ᠴᠢᠳᠠᠪᠠ᠃ ᠠᠮᠢ ᠠᠬᠤᠶ ᠵᠢᠨ ᠠᠷᠠᠳ᠎ᠢ ᠨᠡᠭᠦᠯᠭᠡᠬᠦ ᠵᠢᠵᠢᠭ ᠲᠣᠭᠣᠷᠢᠭ᠎ᠤᠨ ᠣᠷᠣᠨ ᠰᠠᠭᠤᠴᠠ ᠵᠢᠨ ᠠᠰᠠᠷ᠎ᠢ ᠬᠤᠳᠠᠯᠳᠤᠬᠤ᠎ᠳᠤ ᠵᠠᠰᠠᠭ᠎ᠤᠨ ᠣᠷᠳᠣᠨ ᠦᠨ᠎ᠡ ᠲᠤᠭᠲᠠᠭ᠋ᠠᠵᠤ᠂ 《ᠬᠢᠮᠳᠠ ᠲᠦᠷᠢᠶᠡᠰᠦᠨ ᠣᠷᠣᠨ ᠰᠠᠭᠤᠴᠠ᠎ᠠᠴᠠ ᠦᠨᠡᠲᠡᠢ᠂ ᠲᠠᠸᠠᠷ᠎ᠤᠨ ᠭᠡᠷ ᠪᠠᠶ᠋ᠢᠰᠢᠩ᠎ᠤᠨ ᠵᠠᠬ᠎ᠠ ᠳᠡᠯᠭᠡᠭᠦᠷ᠎ᠤᠨ ᠦᠨ᠎ᠡ᠎ᠠᠴᠠ ᠬᠢᠮᠳᠠ ᠪᠠᠢ᠌ᠯᠭ᠋ᠠᠬᠤ》 ᠵᠠᠷᠴᠢᠮ ᠶᠣᠰᠣᠭ᠋ᠠᠷ ᠬᠤᠳᠠᠯᠳᠤᠬᠤ ᠦᠨ᠎ᠡ ᠵᠢ ᠲᠤᠭᠲᠠᠭ᠋ᠠᠪᠠ᠂ ᠢᠩᠭᠢᠭᠰᠡᠨ ᠵᠶ᠋ᠡᠷ ᠮᠠᠯᠴᠢᠨ ᠲᠠᠷᠢᠶᠠᠴᠢᠨ᠎ᠤ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠢ ᠦᠨᠳᠦᠰᠦᠨ᠎ᠠᠴᠠ᠎ᠨᠢ ᠬᠤᠪᠢᠷᠠᠭᠤᠯᠵᠤ᠂ ᠭᠠᠮᠰᠢᠭ᠎ᠢ ᠰᠡᠷᠭᠡᠶ᠋ᠢᠯᠡᠵᠦ ᠲᠦᠭᠰᠢᠭᠦᠷᠢ᠎ᠠᠴᠠ ᠵᠠᠶ᠋ᠢᠯᠠᠬᠤ᠂ ᠠᠮᠢ ᠠᠬᠤᠶ ᠵᠢ ᠬᠠᠮᠠᠭ᠋ᠠᠯᠠᠬᠤ᠂ ᠠᠷᠠᠳ᠎ᠢ ᠪᠠᠶᠠᠵᠢᠭᠤᠯᠵᠤ ᠠᠷᠠᠳ᠎ᠢ ᠠᠮᠤᠷᠵᠢᠭᠤᠯᠬᠤ ᠶᠡᠷᠦᠩᠬᠡᠶ ᠦᠷ᠎ᠡ ᠠᠰᠢᠭ᠎ᠢ ᠪᠡᠶᠡᠯᠡᠭᠦᠯᠪᠡ᠃
      ᠬᠥᠲᠥᠯᠥᠭᠴᠢ᠄
      ᠳᠠᠷᠠᠭ᠋ᠠᠴᠢ ᠵᠢᠨ ᠠᠯᠬᠤᠮ᠎ᠳᠤ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠨᠢ ᠪᠥᠳᠥᠭᠡᠨ ᠪᠠᠶ᠋ᠢᠭᠤᠯᠤᠯᠲᠠ ᠵᠢᠨ ᠲᠠᠯ᠎ᠠ᠎ᠪᠠᠷ ᠬᠡᠷᠬᠢᠨ ᠲᠦᠯᠦᠪᠯᠡᠵᠦ ᠪᠠᠢ᠌ᠬᠤ ᠪᠤᠢ?
      ᠸᠠᠩ ᠹᠦ᠋ ᠱᠦᠨ᠄
      ᠢᠷᠡᠭᠡᠳᠦᠶ ᠵᠢᠨ ᠬᠡᠳᠦᠨ ᠵᠢᠯ᠎ᠳᠤ᠂ ᠪᠢᠳᠡ ᠦᠷᠭᠦᠯᠵᠢᠯᠡᠨ ᠵᠠᠮ᠂ ᠨᠤᠭᠤᠭ᠋ᠠᠷᠠᠭᠤᠯᠤᠯᠲᠠ᠂ ᠲᠥᠪᠯᠡᠷᠡᠭᠦᠯᠦᠨ ᠤᠰᠤ ᠬᠠᠩᠭ᠋ᠠᠬᠤ᠂ ᠲᠥᠪᠯᠡᠷᠡᠭᠦᠯᠦᠨ ᠢᠯᠴᠢ ᠬᠠᠩᠭ᠋ᠠᠬᠤ᠂ ᠪᠣᠬᠢᠷ ᠤᠰᠤ ᠰᠢᠢ᠍ᠳᠪᠦᠷᠢᠯᠡᠬᠦ᠂ ᠬᠣᠭ ᠨᠣᠪᠰᠢ ᠵᠢ ᠰᠢᠢ᠍ᠳᠪᠦᠷᠢᠯᠡᠬᠦ ᠵᠡᠷᠭᠡ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭ᠋ᠠᠨ᠂ ᠰᠤᠷᠭ᠋ᠠᠨ ᠬᠥᠮᠦᠵᠢᠯ᠂ ᠰᠣᠶᠣᠯ ᠪᠣᠯᠪᠠᠰᠤᠷᠠᠯ᠂ ᠡᠷᠡᠭᠦᠯ ᠬᠠᠮᠠᠭ᠋ᠠᠯᠠᠯ ᠵᠡᠷᠭᠡ ᠨᠡᠶ᠋ᠢᠭᠡᠮ᠎ᠤᠨ ᠠᠵᠢᠯ ᠦᠢ᠍ᠯᠡᠰ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠰᠣᠶᠣᠯ ᠪᠣᠯᠪᠠᠰᠤᠷᠠᠯ᠎ᠤᠨ ᠬᠢᠷᠢ ᠬᠡᠮᠵᠢᠶ᠎ᠡ᠂ ᠬᠥᠮᠦᠨ ᠨᠡᠶ᠋ᠢᠭᠡᠮ᠎ᠤᠨ ᠣᠷᠴᠢᠨ ᠨᠥᠬᠥᠴᠡᠯ᠂ ᠪᠠᠶ᠋ᠢᠭᠤᠯᠤᠯ ᠵᠢᠨ ᠲᠣᠭᠲᠠᠴᠠ ᠵᠡᠷᠭᠡ ᠵᠥᠭᠡᠯᠡᠨ ᠪᠣᠳᠠᠲᠤ ᠬᠦᠴᠦᠨ᠎ᠢ ᠵᠢ ᠳᠡᠭᠡᠭᠰᠢᠯᠡᠭᠦᠯᠵᠦ᠂ ᠬᠣᠲᠠ ᠪᠠᠯᠭ᠋ᠠᠰᠤ ᠵᠢᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃
      ᠨᠢᠭᠡ᠎ᠳᠤ᠂ ᠰᠢᠨ᠎ᠡ ᠰᠠᠭᠤᠴᠠ ᠵᠢᠨ ᠬᠤᠳᠠ ᠵᠢᠨ ᠶᠠᠪᠤᠳᠠᠯ᠎ᠤᠨ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢ ᠪᠦᠷᠢᠨᠰᠢᠭᠦᠯᠦᠨ᠎ᠡ᠃ ᠳᠠᠬᠢᠨ45 ᠺᠢᠯᠣᠮᠧᠲᠷ ᠢᠯᠴᠢ ᠬᠠᠩᠭ᠋ᠠᠬᠤ ᠬᠣᠭᠣᠯᠠᠶ ᠲᠣᠣᠷ ᠳᠡᠪᠢᠰᠴᠦ᠂ 47 ᠰᠠᠭᠤᠷᠢ ᠢᠯᠴᠢ ᠰᠤᠯᠢᠬᠤ ᠥᠷᠲᠡᠭᠡ ᠰᠢᠨ᠎ᠡ᠎ᠪᠠᠷ ᠪᠠᠢ᠌ᠭᠤᠯᠵᠤ᠂ 640 ᠲᠦᠮᠡᠨ ᠲᠣᠨ ᠢᠯᠴᠢ ᠬᠠᠩᠭ᠋ᠠᠬᠤ ᠵᠤᠤᠬ᠎ᠠ ᠵᠢ ᠰᠢᠨ᠎ᠡ᠎ᠪᠠᠷ ᠨᠡᠮᠡᠭᠳᠡᠭᠦᠯᠵᠦ᠂ ᠢᠯᠴᠢ ᠬᠠᠩᠭ᠋ᠠᠬᠤ ᠶᠡᠷᠦᠩᠬᠡᠶ ᠲᠠᠯᠠᠪᠠᠶ ᠵᠢ 800 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠦᠭᠦᠯᠬᠦ᠎ᠪᠠᠷ ᠲᠦᠯᠦᠪᠯᠡᠵᠦ ᠪᠠᠢ᠌ᠨ᠎ᠠ᠃ ᠬᠤᠲᠠ ᠵᠢᠨ ᠲᠣᠭᠣᠷᠢᠭ᠎ᠤᠨ ᠰᠢᠲᠠᠮᠠᠬᠠᠢ ᠬᠡᠢ ᠵᠢᠨ ᠬᠣᠭᠣᠯᠠᠶ ᠲᠣᠣᠷ᠎ᠢ 30.5 ᠺᠢᠯᠣᠮᠧᠲᠷ ᠳᠡᠪᠢᠰᠴᠦ᠂ ᠳᠠᠷᠤᠯᠲᠠ ᠲᠣᠬᠢᠷᠠᠭᠤᠯᠬᠤ᠂ ᠰᠠᠯᠬᠢ ᠲᠤᠬᠢᠷᠠᠭᠤᠯᠬᠤ ᠲᠥᠬᠥᠭᠡᠷᠦᠮᠵᠢ 40 ᠭᠠᠵᠠᠷ ᠨᠡᠮᠡᠵᠦ᠂ ᠰᠢᠲᠠᠮᠠᠬᠠᠶ ᠬᠡᠢ ᠬᠡᠷᠡᠭᠯᠡᠬᠦ ᠡᠷᠣᠬᠡ 2.5 ᠲᠦᠮᠡᠨ ᠡᠷᠦᠬᠡ ᠰᠢᠨ᠎ᠡ ᠨᠡᠮᠡᠭᠳᠡᠭᠦᠯᠬᠦ᠎ᠪᠠᠷ ᠲᠦᠯᠦᠪᠡᠯᠡᠵᠦ ᠪᠠᠢ᠌ᠨ᠎ᠠ᠃ ᠤᠤᠯ᠎ᠤᠨ ᠪᠤᠵᠠᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢ ᠥᠷᠭᠡᠳᠬᠡᠨ ᠪᠠᠶ᠋ᠢᠭᠤᠯᠵᠤ᠂ ᠤᠳᠤ ᠡᠳᠦᠷ᠎ᠲᠤ 1.2 ᠲᠦᠮᠡᠨ ᠲᠣᠨ ᠰᠢᠢ᠍ᠳᠪᠦᠷᠢᠯᠡᠵᠦ ᠪᠠᠢ᠌ᠬᠤ ᠴᠢᠳᠠᠪᠤᠷᠢ᠎ᠨᠢ 2.67 ᠲᠦᠮᠡᠨ ᠲᠣᠨ ᠪᠤᠯᠭ᠋ᠠᠨ ᠨᠡᠮᠡᠭᠳᠡᠭᠦᠯᠵᠦ᠂ 10 ᠲᠦᠮᠡᠨ ᠲᠣᠨ ᠪᠤᠵᠠᠷ ᠤᠰᠤ ᠰᠢᠢ᠍ᠳᠪᠦᠷᠢᠯᠡᠬᠦ ᠦᠢ᠍ᠯᠡᠳᠪᠦᠷᠢ᠂ ᠳᠠᠬᠢᠨ ᠠᠰᠢᠭᠯᠠᠬᠤ ᠤᠰᠤᠨ᠎ᠤ ᠦᠢ᠍ᠯᠡᠳᠪᠦᠷᠢ ᠵᠢ ᠲᠤᠰᠠᠪᠤᠷᠢ 1 ᠵᠢ ᠰᠢᠨ᠎ᠡ᠎ᠪᠠᠷ ᠪᠠᠢ᠌ᠭᠤᠯᠵᠤ᠂ ᠢᠵᠢ ᠪᠦᠷᠢᠯᠳᠦᠭᠦᠯᠦᠭᠰᠡᠨ ᠬᠣᠭᠣᠯᠠᠶ ᠲᠣᠣᠷ᠎ᠢ 41 ᠺᠢᠯᠣᠮᠧᠲᠷ ᠲᠡᠪᠢᠰᠦᠨ᠎ᠡ᠃
      ᠬᠣᠶᠠᠷ᠎ᠲᠤ᠂ ᠰᠢᠨ᠎ᠡ ᠰᠠᠭᠤᠴᠠ ᠵᠢᠨ ᠨᠣᠭᠣᠭ᠋ᠠᠷᠠᠭᠤᠯᠬᠤ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠬᠡᠷᠡᠭᠵᠢᠭᠦᠯᠦᠨ᠎ᠡ᠃ ᠲᠠᠶ᠋ᠢᠨᠢᠩ ᠪᠠᠷᠠᠭᠤᠨ ᠵᠡᠭᠡᠯᠢ ᠵᠡᠷᠭᠡ 8 ᠵᠤᠷᠪᠤᠰ ᠵᠠᠮ ᠱᠤᠭᠤᠮ᠎ᠢ ᠨᠣᠭᠣᠭ᠋ᠠᠷᠠᠭᠤᠯᠬᠤ ᠠᠵᠢᠯ᠎ᠢ ᠪᠡᠶᠡᠯᠡᠭᠦᠯᠵᠦ᠂ ᠰᠢᠨ᠎ᠡ ᠰᠠᠭᠤᠴᠠ ᠵᠢᠨ ᠴᠡᠴᠡᠷᠯᠢᠭ᠂ ᠵᠤᠭ᠋ᠠᠴᠠᠯ᠎ᠤᠨ ᠬᠦᠷᠢᠶᠡᠯᠡᠩ᠂ ᠵᠢᠵᠢᠭ ᠲᠣᠭᠣᠷᠢᠭ᠂ ᠪᠠᠶ᠋ᠢᠭᠤᠯᠭ᠎ᠠ᠂ ᠰᠤᠷᠭ᠋ᠠᠭᠤᠯᠢ ᠵᠢᠨ ᠬᠦᠷᠢᠶ᠎ᠡ ᠬᠠᠰᠢᠶ᠎ᠠ ᠵᠢᠴᠢ ᠮᠣᠵᠢ ᠵᠢᠨ ᠬᠣᠭᠣᠷᠣᠨᠳᠣᠬᠢ ᠰᠢᠭᠤᠳ ᠵᠠᠮ᠎ᠤᠨ ᠬᠣᠶᠠᠷ ᠬᠠᠵᠠᠭᠤ᠎ᠪᠠᠷ ᠬᠠᠯᠬᠠᠪᠴᠢ ᠤᠢ ᠵᠢᠨ ᠨᠣᠭᠣᠭ᠋ᠠᠷᠠᠭᠤᠯᠤᠯᠲᠠ ᠵᠢᠨ ᠪᠦᠰᠡ ᠪᠠᠶ᠋ᠢᠭᠤᠯᠵᠤ᠂ ᠶᠡᠷᠦᠩᠬᠡᠶ ᠲᠠᠯᠠᠪᠠᠶ ᠵᠢ 210.6 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠦᠭᠦᠯᠵᠦ᠂ ᠪᠠᠷᠤᠭ 7.6 ᠳ᠋ᠦᠩᠰᠢᠭᠤᠷ ᠲᠥᠭᠥᠷᠢᠭ᠎ᠤᠨ ᠪᠡᠯᠡ ᠤᠷᠤᠭᠤᠯᠤᠨ᠎ᠠ᠃ ᠡᠭᠦᠨ᠎ᠤ ᠬᠠᠮᠲᠤ᠂ ᠤᠰᠤᠨ ᠦᠵᠡᠮᠵᠢ ᠵᠢᠨ ᠴᠡᠴᠡᠷᠯᠢᠭ᠎ᠤᠨ ᠨᠢᠭᠡᠨᠲᠡ ᠪᠠᠶ᠋ᠢᠭᠤᠯᠤᠭᠰᠠᠨ ᠬᠡᠰᠡᠭ᠎ᠢ ᠨᠦᠬᠦᠪᠦᠷᠢᠯᠡᠬᠦ᠂ ᠤᠰᠤᠨ ᠦᠵᠡᠮᠵᠢ ᠵᠢᠨ ᠴᠡᠴᠡᠷᠯᠢᠭ᠎ᠤᠨ ᠪᠠᠷᠠᠭᠤᠨᠰᠢ ᠦᠷᠬᠦᠯᠵᠢᠯᠡᠭᠦᠯᠬᠦ ᠦᠵᠡᠮᠵᠢ᠂ ᠭᠦᠢ᠍ᠯᠡᠷ ᠭᠤᠤᠯ ᠵᠠᠮ᠎ᠤᠨ ᠨᠣᠶ᠋ᠢᠲᠠᠨ ᠭᠠᠵᠠᠷ᠎ᠤᠨ ᠴᠡᠴᠡᠷᠯᠢᠭ ᠪᠣᠯᠤᠨ ᠪᠠᠷᠠᠭᠤᠨ ᠠᠭᠤᠯᠠᠨ᠎ᠤ ᠴᠡᠴᠡᠷᠯᠢᠭ᠎ᠤᠨ ᠬᠠᠲᠠᠭᠤ ᠦᠵᠡᠮᠵᠢ ᠵᠢ ᠪᠦᠷᠢᠨᠰᠢᠭᠦᠯᠦᠨ᠎ᠡ᠃
      ᠭᠤᠷᠪᠠ᠎ᠳᠤ᠂ ᠬᠤᠳᠠ ᠬᠥᠳᠡᠭᠡ ᠵᠢᠨ ᠨᠢᠭᠡᠳᠦᠯᠲᠡᠶ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠴᠢᠩᠭ᠋ᠠᠳᠬᠠᠨ᠎ᠠ᠃ ᠶᠡᠷᠦᠩᠬᠡᠶ ᠲᠥᠯᠥᠪᠵᠢᠭᠦᠯᠭᠡ ᠵᠢ ᠵᠠᠰᠠᠵᠤ ᠨᠠᠶ᠋ᠢᠷᠠᠭᠤᠯᠬᠤ᠂ ᠬᠤᠰᠢᠭᠤᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠪᠠ ᠪᠠᠷᠠᠭ᠎ᠠ ᠵᠢᠨ ᠭᠦᠢ᠍ᠯᠭᠡᠭᠡᠨ᠎ᠤ ᠬᠦᠷᠢᠶᠡᠯᠡᠩ ᠲᠣᠭᠣᠷᠢᠭ᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠪᠡᠶᠡᠯᠡᠭᠦᠯᠦᠨ᠎ᠡ᠃ ᠭᠣᠣᠯᠳᠠᠯᠭ᠎ᠠ᠎ᠲᠠᠢ ᠪᠦᠳᠤᠭᠡᠨ ᠪᠠᠶ᠋ᠢᠭᠤᠯᠤᠯᠲᠠ ᠵᠢᠨ ᠣᠷᠣᠨ ᠪᠠ ᠠᠵᠤ ᠦᠢ᠍ᠯᠡᠳᠪᠦᠷᠢ ᠵᠢᠨ ᠬᠦᠷᠢᠶᠡᠯᠡᠩ ᠲᠤᠭᠤᠷᠢᠭ᠎ᠤᠨ ᠭᠣᠣᠯᠳᠠᠯᠭ᠎ᠠ᠎ᠲᠠᠢ ᠭᠠᠵᠠᠷ ᠬᠡᠰᠡᠭ᠎ᠢ ᠬᠢᠵᠠᠭ᠋ᠠᠷᠯᠠᠬᠤ ᠴᠢᠨᠠᠷᠲᠠᠶ ᠨᠠᠷᠢᠨ ᠲᠥᠯᠥᠪᠵᠢᠭᠦᠯᠭᠡ ᠵᠢ ᠪᠡᠶᠡᠯᠡᠭᠦᠯᠦᠨ᠎ᠡ᠃ 30 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠦᠬᠦᠢ ᠬᠣᠷᠴᠢᠨ ᠪᠠᠯᠭ᠋ᠠᠰᠤ ᠵᠢᠨ ᠵᠠᠮ᠎ᠤᠨ ᠪᠣᠰᠣᠭ᠎ᠠ ᠴᠢᠭᠯᠡᠯ᠎ᠤᠨ ᠲᠥᠯᠥᠪᠵᠢᠭᠦᠯᠭᠡ ᠵᠢ ᠵᠢᠷᠤᠵᠤ ᠲᠥᠯᠥᠪᠯᠡᠬᠦ ᠠᠵᠢᠯ᠎ᠢ ᠪᠡᠶᠡᠯᠡᠭᠦᠯᠦᠨ᠎ᠡ᠃ ᠡᠯ᠎ᠡ ᠪᠠᠯᠭ᠋ᠠᠰᠤ ᠵᠢ ᠵᠢᠭ᠋ᠠᠨ ᠵᠢᠯᠤᠭᠤᠳᠴᠤ ᠪᠠᠢ᠌ᠭ᠋ᠠᠳ ᠲᠡᠭᠦᠨ᠎ᠤ ᠭᠣᠣᠯᠳᠠᠯᠭ᠎ᠠ᠎ᠲᠠᠢ ᠭᠠᠵᠠᠷ ᠬᠡᠰᠡᠭ᠎ᠤᠨ ᠨᠠᠷᠢᠨ ᠲᠥᠯᠥᠪᠵᠢᠭᠦᠯᠭᠡ ᠵᠢ ᠰᠠᠶ᠋ᠢᠲᠤᠷ ᠬᠢᠯᠭᠡᠬᠦ ᠪᠥᠭᠡᠳ ᠲᠥᠯᠥᠪᠵᠢᠭᠦᠯᠭᠡ ᠵᠢ ᠬᠢᠨᠠᠨ ᠵᠥᠪᠰᠢᠶᠡᠷᠡᠭᠦᠯᠬᠦ ᠭᠠᠷ ᠭᠦᠢ᠍ᠴᠡᠳᠬᠡᠯ᠎ᠢ ᠪᠡᠶᠡᠯᠡᠭᠦᠯᠬᠦ ᠪᠠ ᠵᠢᠴᠢ ᠬᠤᠲᠠ ᠵᠢᠨ ᠲᠣᠭᠣᠷᠢᠭ᠎ᠤᠨ ᠪᠤᠰᠤᠳ ᠰᠠᠭᠤᠷᠢ ᠪᠡᠯᠡᠳᠬᠡᠮᠵᠢ ᠵᠢᠨ ᠢᠵᠢ ᠪᠦᠷᠢᠳᠦᠭᠦᠯᠬᠦ ᠲᠥᠯᠥᠪᠵᠢᠭᠦᠯᠭᠡ ᠵᠢ ᠪᠡᠶᠡᠯᠡᠭᠦᠯᠦᠨ᠎ᠡ᠃
      ᠲᠦᠷᠪᠡ᠎ᠳᠤ᠂ ᠪᠠᠲᠤᠯᠠᠭ᠎ᠠ ᠵᠢᠨ ᠴᠢᠨᠠᠷᠲᠠᠶ ᠬᠢᠮᠳᠠ ᠣᠷᠣᠨ ᠰᠠᠭᠤᠴᠠ ᠵᠢᠨ ᠢᠨᠵᠧᠨᠧᠷᠢᠩ᠎ᠢ ᠬᠦᠴᠦᠲᠡᠶ ᠳᠥᠯᠭᠢᠨ ᠠᠬᠢᠭᠤᠯᠤᠨ᠎ᠠ᠃ ᠬᠣᠲᠠ ᠪᠠᠯᠭ᠋ᠠᠰᠤ ᠵᠢᠨ ᠰᠠᠭᠤᠭ᠋ᠠᠯᠢ ᠠᠷᠠᠳ᠎ᠤᠨ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠪᠦᠳᠦᠭᠡᠨ ᠪᠠᠶ᠋ᠢᠭᠤᠯᠤᠯᠲᠠ ᠵᠢ ᠲᠦᠷᠭᠡᠳᠬᠡᠬᠦ᠎ᠪᠠᠷ ᠭᠣᠣᠯᠳᠠᠯᠭ᠎ᠠ ᠪᠤᠯᠭ᠋ᠠᠵᠤ᠂ ᠬᠢᠮᠳᠠ ᠬᠡᠷᠡᠭᠴᠡᠭᠡᠲᠦ ᠣᠷᠣᠨ ᠰᠠᠭᠤᠴᠠ ᠵᠢᠨ ᠪᠥᠳᠥᠭᠡᠨ ᠪᠠᠶ᠋ᠢᠭᠤᠯᠤᠯᠲᠠ ᠵᠢᠨ ᠡᠷᠴᠢᠮ᠎ᠢ ᠴᠢᠩᠭ᠋ᠠᠯᠠᠵᠤ᠂ ᠤᠯᠠᠨ ᠨᠡᠶ᠋ᠢᠲᠡ ᠵᠢᠨ ᠲᠦᠷᠢᠶᠡᠰᠦᠨ ᠣᠷᠣᠨ ᠰᠠᠭᠤᠴᠠ ᠪᠠ ᠬᠢᠮᠳᠠ ᠲᠦᠷᠢᠶᠡᠰᠦᠨ ᠣᠷᠣᠨ ᠰᠠᠭᠤᠴᠠ ᠵᠢᠨ ᠪᠦᠷᠬᠦᠴᠡ ᠵᠢ ᠥᠷᠭᠡᠳᠬᠡᠵᠦ᠂ 6 ᠲᠦᠮᠡᠨ ᠲᠡᠭᠰᠢ ᠳᠥᠷᠪᠡᠯᠵᠢᠨ ᠮᠸᠲᠷ᠎ᠤᠨ ᠬᠢᠮᠳᠠ ᠲᠦᠷᠢᠶᠡᠰᠦᠲᠦ ᠣᠷᠣᠨ ᠰᠠᠭᠤᠴᠠ ᠪᠠ 118 ᠡᠷᠦᠬᠡ ᠤᠯᠠᠨ ᠨᠡᠢ᠍ᠢ᠍ᠳᠡ ᠵᠢᠨ ᠲᠦᠷᠢᠶᠡᠰᠦᠨ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠦᠨ᠎ᠡ᠃ ᠬᠣᠶ᠋ᠢᠰᠢᠳᠠ ᠵᠢᠨ ᠲᠠᠪᠤᠨ ᠵᠢᠯ᠎ᠳᠤ ᠭᠡᠷ ᠭᠠᠵᠠᠷ ᠬᠦᠷᠦᠩᠭᠡ ᠵᠢᠨ ᠨᠡᠭᠡᠭᠡᠨ ᠠᠰᠢᠭᠯᠠᠬᠤ ᠲᠠᠯᠠᠪᠠᠢ ᠵᠢ 140 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠦᠭᠦᠯᠬᠦ᠎ᠪᠠᠷ ᠴᠢᠷᠮᠠᠢ᠌ᠵᠤ᠂ ᠠᠷᠠᠳ ᠲᠦᠮᠡᠨ᠎ᠤ ᠣᠷᠣᠨ ᠰᠠᠭᠤᠴᠠ ᠵᠢᠨ ᠨᠥᠬᠥᠴᠡᠯ᠎ᠢ ᠦᠨᠡᠨ ᠬᠦ᠌ ᠳᠡᠭᠡᠭᠰᠢᠯᠡᠭᠦᠯᠦᠨ ᠰᠠᠢ᠌ᠵᠢᠷᠠᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠰᠢᠨ᠎ᠡ ᠰᠠᠭᠤᠴᠠ ᠵᠢᠨ ᠲᠤᠭᠤᠷᠢᠭ᠎ᠢ ᠴᠢᠳᠠᠮᠵᠢ᠎ᠪᠠᠷ ᠪᠦᠷᠢᠨ ᠭᠦᠢ᠍ᠴᠡᠳ᠂ ᠪᠡᠯᠡᠳᠬᠡᠮᠵᠢ᠎ᠪᠠᠷ ᠪᠦᠷᠢᠨ ᠲᠡᠭᠦᠯᠳᠡᠷ᠂ ᠠᠮᠤᠷ ᠲᠦᠪᠰᠢᠨ ᠲᠠᠭ᠋ᠠᠯᠠᠮᠵᠢᠲᠠᠶ ᠡᠶ᠎ᠡ ᠵᠣᠬᠢᠴᠠᠯ᠎ᠲᠠᠢ ᠭᠡᠷ ᠣᠷᠣᠨ ᠪᠤᠯᠭ᠋ᠠᠨ ᠪᠠᠢ᠌ᠭᠤᠯᠬᠤ᠎ᠪᠠᠷ ᠴᠢᠷᠮᠠᠢ᠌ᠨ᠎ᠠ᠃
      ᠬᠥᠲᠥᠯᠥᠭᠴᠢ᠄
      ᠵᠠ ᠰᠡᠢ᠍ᠢ᠍ᠠ ᠪᠤᠯᠤᠯ᠎ᠠ᠂ ᠸᠠᠩ ᠬᠣᠰᠢᠭᠤᠨ ᠳᠠᠷᠤᠭ᠎ᠠ ᠵᠢᠨ ᠬᠠᠯᠠᠰᠢᠷᠠᠯ ᠦᠭᠡᠢ ᠬᠠᠷᠢᠭᠤᠯᠤᠭᠰᠠᠨ ᠪᠠ ᠭᠣᠶ᠋ᠢᠳᠠ ᠰᠠᠶ᠋ᠢᠬᠠᠨ ᠲᠠᠶ᠋ᠢᠯᠤᠮᠵᠢ᠎ᠳᠤ ᠲᠠᠯᠠᠷᠬᠠᠵᠤ ᠪᠠᠶ᠋ᠢᠨ᠎ᠠ᠃ ᠡᠯ᠎ᠡ ᠲᠠᠯ᠎ᠠ ᠵᠢᠨ᠎ᠬᠢᠨ᠎ᠤ ᠬᠦᠴᠦᠲᠡᠶ ᠳᠡᠮᠵᠢᠯᠭᠡ ᠳᠣᠣᠷ᠎ᠠ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠠᠷᠠᠳ ᠲᠦᠮᠡᠨ᠎ᠤ ᠰᠢᠷᠭ᠋ᠠᠭᠤ ᠬᠠᠲᠠᠭᠤᠵᠢᠯᠲᠠᠶ ᠴᠢᠷᠮᠠᠶ᠋ᠢᠯᠭ᠎ᠠ ᠳᠣᠣᠷ᠎ᠠ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠣᠷᠴᠢᠨ ᠲᠣᠭᠣᠷᠢᠨ᠎ᠨᠢ ᠭᠣᠶ᠋ᠢᠳᠠ ᠰᠠᠶ᠋ᠢᠬᠠᠨ᠂ ᠠᠷᠠᠳ ᠢᠷᠭᠡᠳ᠎ᠨᠢ ᠠᠮᠤᠷ ᠲᠦᠪᠰᠢᠨ ᠭᠤᠶᠤ ᠰᠠᠢ᠌ᠬᠠᠨ ᠭᠠᠷᠤᠨ ᠡᠮᠦᠨᠡᠲᠦ ᠬᠣᠰᠢᠭᠤ ᠪᠤᠯᠬᠤ᠎ᠳᠤ ᠢᠲᠡᠭᠡᠵᠦ ᠪᠠᠢ᠌ᠨ᠎ᠠ᠃ ᠰᠦᠯᠵᠢᠶᠡᠨ᠎ᠤ ᠨᠠᠶ᠋ᠢᠵᠠ ᠨᠠᠷ᠎ᠤᠨ ᠬᠦᠯᠢᠶᠡᠨ ᠠᠪᠴᠦ ᠦᠵᠡᠭᠰᠡᠨ᠎ᠳᠤ ᠲᠠᠯᠠᠷᠬᠠᠵᠤ ᠪᠠᠢ᠌ᠨ᠎ᠠ᠂ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠵᠠᠪᠰᠠᠷᠯᠡᠯ᠎ᠠ᠂ ᠳᠠᠷᠠᠭ᠋ᠠᠴᠢ ᠵᠢᠨ ᠫᠷᠦᠭᠷᠡᠮ᠎ᠳᠤ ᠲᠠᠬᠢᠨ ᠵᠤᠯᠭ᠋ᠠᠶ᠎ᠠ!

                  ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠵᠢᠨ ᠨᠡᠭᠦᠳᠡᠯ ᠪᠠᠭ᠎ᠠ ᠲᠣᠭᠣᠷᠢᠭ

              ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠵᠢᠨ ᠤᠰᠦᠠ᠎ᠤ ᠦᠵᠡᠮᠵᠢ ᠵᠢᠨ ᠴᠡᠴᠡᠷᠯᠢᠭ

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠪᠣᠬᠢᠷᠲᠤᠯ ᠦᠭᠡᠢ ᠬᠥᠭᠵᠢᠭᠦᠯᠬᠦ ᠣᠨᠣᠯᠵᠢᠬᠤᠨ᠎ᠢ ᠲᠤᠤᠱᠯᠠᠭᠤᠯᠵᠤ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠠᠵᠢᠯ᠎ᠢ ᠲᠦᠯᠬᠢᠨ ᠠᠬᠢᠭᠤᠯᠤᠶ᠎ᠠ
ᠨᠡᠭᠦᠷᠡᠰᠦᠨ ᠦᠢ᠍ᠯᠡᠳᠪᠦᠷᠢᠯᠡᠯ᠎ᠤᠨ ᠦᠯᠡᠬᠦᠦ ᠴᠢᠳᠠᠪᠤᠷᠢ ᠵᠢ ᠴᠢᠷᠮᠠᠶ᠋ᠢᠨ ᠦᠭᠡᠢ᠌ᠰᠬᠡᠵᠦ ᠨᠡᠭᠦᠷᠡᠰᠦᠨ᠎ᠤ ᠠᠵᠤ ᠦᠢ᠍ᠯᠡᠳᠪᠦᠷᠢ ᠵᠢᠨ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠬᠢᠭᠤᠯᠤᠶ᠎ᠠ
《ᠬᠥᠯᠥᠨ ᠪᠤᠢ᠍ᠢ᠍ᠷ᠎ᠤᠨ ᠳᠤᠮᠳᠠᠳᠤ ᠤᠷᠤᠰ ᠮᠣᠩᠭᠣᠯ᠎ᠤᠨ ᠬᠠᠮᠲᠤᠷᠠᠯᠴᠠᠭ᠎ᠠ ᠵᠢᠨ ᠬᠣᠰᠢᠭᠤᠴᠢ ᠣᠷᠣᠨ᠎ᠤ ᠪᠥᠳᠥᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ》 ᠵᠢ ᠬᠢᠨᠠᠮᠠᠭ᠋ᠠᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠳᠡ ᠵᠢᠨ ᠬᠥᠭᠥᠷᠭᠡᠨ ᠪᠡᠬᠢᠯᠡᠯᠲᠡ ᠵᠢ ᠲᠦᠷᠭᠡᠳᠭᠡᠨ ᠪᠦᠲᠦᠭᠡᠨ ᠪᠠᠢ᠌ᠭᠤᠯᠤᠶ᠎ᠠ
ᠲᠠᠪᠤᠨ ᠶᠡᠬᠡ ᠡᠭᠦᠷᠭᠡ ᠵᠢ ᠰᠠᠶ᠋ᠢᠲᠤᠷ ᠠᠳᠬᠤᠵᠤ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠲᠦᠯᠬᠢᠨ ᠠᠬᠢᠭᠤᠯᠤᠶ᠎ᠠ
ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠠᠵᠢᠯ᠎ᠤᠨ ᠬᠠᠮᠢᠶ᠎ᠠ ᠪᠦᠬᠦᠢ ᠠᠰᠠᠭᠤᠳᠠᠯ᠎ᠤᠨ ᠲᠤᠬᠠᠶ ᠲᠠᠢ᠌ᠯᠤᠮᠵᠢ
 
            