ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠮᠠᠨ᠎ᠤ ᠤᠷᠤᠨ᠎ᠤ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠦᠨ᠎ᠡ ᠬᠠᠩᠰᠢ ᠵᠢᠨ ᠵᠢᠷᠤᠮᠵᠢᠯ ᠪᠠ ᠲᠣᠬᠢᠷᠠᠭᠤᠯᠤᠯᠲᠠ ᠵᠢᠨ ᠪᠠᠢ᠌ᠳᠠᠯ᠎ᠤᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2016-02-05


      ᠰᠤᠷᠪᠤᠯᠵᠢᠯᠠᠭᠰᠠᠨ ᠴᠠᠭ᠄

     2016 ᠣᠨ᠎ᠤ 1 ᠳ᠋ᠦ᠍ᠭᠡᠷ ᠰᠠᠷ᠎ᠠ ᠵᠢᠨ 6᠎ᠤ ᠡᠳᠦᠷ᠎ᠤᠨ ᠦᠳᠡ ᠵᠢᠨ ᠬᠣᠢ᠌ᠨᠠᠬᠢ 3 ᠴᠠᠭ
      ᠰᠤᠷᠪᠤᠯᠵᠢᠯᠠᠭᠰᠠᠨ ᠵᠣᠴᠢᠨ᠄

      ᠦᠪᠡᠷᠲᠡᠭᠡᠨ ᠵᠠᠰᠠᠬᠤ ᠤᠷᠤᠨ ᠬᠦᠭᠵᠢᠭᠦᠯᠦᠯᠲᠡ ᠪᠠ ᠦᠭᠡᠷᠡᠴᠢᠯᠡᠯᠲᠡ ᠵᠢᠨ ᠵᠦᠪᠯᠡᠯ᠎ᠤᠨ ᠳᠡᠳ᠋ ᠡᠷᠬᠢᠯᠡᠭᠴᠢ     ᠸᠠᠩ ᠵᠢᠨ ᠪᠤᠣ
      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
      ᠤᠢ᠌ᠷ᠎ᠠ᠎ᠳᠤ᠂ ᠪᠢᠳᠡ ᠦᠪᠡᠷᠲᠡᠭᠡᠨ ᠵᠠᠰᠠᠬᠤ ᠤᠷᠤᠨ᠎ᠤ ᠬᠦᠭᠵᠢᠭᠦᠯᠦᠯᠲᠡ ᠦᠭᠡᠷᠡᠴᠢᠯᠡᠯᠲᠡ ᠵᠢᠨ ᠵᠦᠪᠯᠡᠯ᠎ᠤᠨ ᠳᠡᠳ᠋ ᠡᠷᠬᠢᠯᠡᠭᠴᠢ ᠸᠠᠩ ᠵᠢᠨ ᠪᠣᠣ ᠵᠢ 《ᠳᠤᠮᠳᠠᠳᠤ ᠤᠯᠤᠰ   ᠦᠪᠦᠷ ᠮᠣᠩᠭᠣᠯ》 ᠰᠦᠯᠵᠢᠶᠡᠨ᠎ᠳᠡᠭᠡᠨ ᠤᠷᠢᠵᠤ᠂ ᠮᠠᠨ᠎ᠤ ᠤᠷᠤᠨ᠎ᠤ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠦᠨ᠎ᠡ ᠬᠠᠩᠰᠢ ᠵᠢᠨ ᠵᠢᠷᠤᠮᠵᠢᠯ ᠪᠠ ᠲᠣᠬᠢᠷᠠᠭᠤᠯᠤᠯᠲᠠ ᠵᠢᠨ ᠲᠤᠬᠠᠢ ᠬᠣᠯᠪᠤᠭᠳᠠᠯ ᠪᠦᠬᠦᠢ ᠪᠠᠢ᠌ᠳᠠᠯ᠎ᠳᠤ ᠲᠠᠢ᠌ᠯᠤᠮᠵᠢ ᠬᠢᠯᠭᠡᠬᠦ᠎ᠪᠠᠷ ᠪᠠᠢ᠌ᠨ᠎ᠠ᠃ ᠲᠤᠬᠠᠢ ᠵᠢᠨ ᠦᠶ᠎ᠡ᠎ᠳᠤ᠂ ᠰᠦᠯᠵᠢᠶᠡᠨ ᠠᠨᠳᠠ ᠨᠠᠷ ᠮᠢᠨᠢ ᠢᠳᠡᠪᠬᠢᠲᠡᠶ ᠣᠷᠣᠯᠴᠠᠬᠤ ᠵᠢ ᠪᠠᠶᠠᠷᠯᠠᠨ ᠣᠭᠲᠤᠵᠤ ᠪᠠᠢ᠌ᠨ᠎ᠠ!


                      ᠰᠤᠷᠪᠤᠯᠵᠢᠯᠠᠭᠰᠠᠨ ᠪᠣᠳᠠᠲᠤ ᠲᠡᠮᠳᠡᠭᠯᠡᠯ

      ᠬᠦᠲᠦᠯᠦᠭᠴᠢ᠄
      ᠰᠦᠯᠵᠢᠶᠡᠨ ᠠᠨᠳᠠ ᠨᠠᠷ ᠡ ᠰᠠᠢ᠌ᠨ ᠪᠠᠢ᠌ᠵᠠᠭ᠋ᠠᠨ᠎ᠠ ᠤᠤ! ᠲᠠ ᠪᠦᠬᠦᠨ ᠲᠤᠰ ᠬᠤᠭᠤᠴᠠᠭ᠋ᠠᠨ᠎ᠤ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢ ᠬᠦᠯᠢᠶᠡᠨ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠦᠨᠦᠳᠦᠷ ᠪᠢᠳᠡ ᠦᠪᠡᠷᠲᠡᠭᠡᠨ ᠵᠠᠰᠠᠬᠤ ᠤᠷᠤᠨ᠎ᠤ ᠬᠦᠭᠵᠢᠭᠦᠯᠦᠯᠲᠡ ᠦᠭᠡᠷᠡᠴᠢᠯᠡᠯᠲᠡ ᠵᠢᠨ ᠵᠦᠪᠯᠡᠯ᠎ᠤᠨ ᠳᠡᠳ᠋ ᠡᠷᠬᠢᠯᠡᠭᠴᠢ ᠸᠠᠩ ᠵᠢᠨ ᠪᠣᠥ ᠵᠢ ᠤᠷᠢᠵᠤ᠂ ᠮᠠᠨ᠎ᠤ ᠤᠷᠤᠨ᠎ᠤ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠦᠨ᠎ᠡ ᠬᠠᠩᠰᠢ ᠵᠢᠨ ᠵᠢᠷᠤᠮᠵᠢᠯ ᠪᠠ ᠲᠣᠬᠢᠷᠠᠭᠤᠯᠤᠭᠰᠠᠨ ᠪᠠᠢ᠌ᠳᠠᠯ᠎ᠤᠨ ᠲᠤᠬᠠᠢ ᠲᠠ ᠪᠦᠬᠦᠨ᠎ᠳᠤ ᠰᠦᠯᠵᠢᠶᠡᠨ ᠳᠡᠭᠡᠷ᠎ᠡ ᠲᠠᠢ᠌ᠯᠤᠮᠵᠢ ᠬᠢᠬᠦ᠎ᠪᠠᠷ ᠪᠠᠢ᠌ᠨ᠎ᠠ᠂ ᠦᠷᠭᠡᠨ ᠤᠯᠠᠨ ᠰᠦᠯᠵᠢᠶᠡᠨ ᠠᠨᠳᠠ ᠨᠠᠷ᠎ᠤᠨ ᠢᠳᠡᠪᠬᠢᠲᠡᠢ ᠣᠷᠤᠯᠴᠠᠬᠤ ᠵᠢ ᠤᠭᠲᠤᠵᠤ ᠪᠠᠢ᠌ᠨ᠎ᠠ᠃ ᠸᠠᠩ ᠡᠷᠬᠢᠯᠡᠭᠴᠢ ᠡ᠂ ᠲᠠᠨ᠎ᠢ ᠪᠠᠶᠠᠷᠯᠠᠨ ᠤᠭᠲᠤᠵᠤ ᠪᠠᠢ᠌ᠨ᠎ᠠ!
      ᠸᠠᠩ ᠵᠢᠨ ᠪᠣᠥ᠄
      ᠬᠦᠲᠦᠯᠦᠭᠴᠢ ᠰᠠᠢ᠌ᠨ ᠤᠤ! ᠰᠦᠯᠵᠢᠶᠡᠨ ᠠᠨᠳᠠ ᠨᠠᠷ ᠰᠠᠢ᠌ᠨ ᠤᠤ! ᠰᠤᠷᠪᠤᠯᠵᠢᠯᠠᠭ᠎ᠠ ᠵᠢᠨ ᠳᠡᠯᠭᠡᠴᠡ᠎ᠳᠤ ᠳᠠᠬᠢᠨᠲᠠ ᠢᠷᠡᠵᠦ ᠲᠠ ᠨᠠᠷ᠎ᠲᠠᠢ ᠵᠣᠭᠤᠭᠳᠠᠬᠤ ᠪᠣᠯᠤᠭᠰᠠᠨ᠎ᠳᠠᠭᠠᠨ ᠲᠦᠢ᠍ᠯ᠎ᠤᠨ ᠶᠡᠬᠡ᠎ᠪᠠᠷ ᠪᠠᠶᠠᠷᠯᠠᠵᠤ ᠪᠠᠢ᠌ᠨ᠎ᠠ᠃
      ᠬᠦᠲᠦᠯᠦᠭᠴᠢ᠄
      ᠸᠠᠩ ᠡᠷᠬᠢᠯᠡᠭᠴᠢ ᠡ᠂ ᠲᠠ ᠶᠠᠭᠤᠨ᠎ᠤ ᠡᠮᠦᠨ᠎ᠡ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠵᠢᠷᠤᠮᠵᠢᠯ ᠪᠠ ᠲᠣᠬᠢᠷᠠᠭᠤᠯᠤᠯᠲᠠ ᠵᠢᠨ ᠠᠬᠤᠢ ᠪᠠᠢ᠌ᠳᠠᠯ ᠪᠠ ᠠᠴᠢ ᠬᠣᠯᠪᠤᠭᠳᠠᠯ᠎ᠢ ᠲᠠᠨᠢᠯᠴᠠᠭᠤᠯᠤᠭ᠋ᠠᠳ ᠦᠭᠭᠦᠨᠡᠦ?
      ᠸᠠᠩ ᠵᠢᠨ ᠪᠣᠥ᠄
      ᠲᠡᠭᠡᠶ᠎ᠡ᠃ ᠲᠡᠭᠦᠨ᠎ᠤ ᠠᠬᠤᠢ ᠪᠠᠢ᠌ᠳᠠᠯ ᠪᠠ ᠦᠨᠳᠦᠰᠦᠯᠡᠯ᠎ᠨᠢ ᠬᠣᠶᠠᠷ ᠲᠠᠯ᠎ᠠ᠎ᠪᠠᠷ ᠢᠯᠡᠷᠡᠨ᠎ᠡ᠂ ᠤᠯᠤᠰ᠎ᠠᠴᠠ ᠱᠠᠭ᠋ᠠᠷᠳᠠᠭᠰᠠᠨ ᠳᠡᠰ ᠳᠠᠪᠬᠤᠷᠭ᠎ᠠ᠎ᠠᠴᠠ ᠦᠵᠡᠪᠡᠯ᠄ (ᠨᠢᠭᠡ) 2015 ᠣᠨ᠎ᠤ 5 ᠳ᠋ᠤᠭ᠋ᠠᠷ ᠰᠠᠷ᠎ᠠ᠎ᠳᠤ᠂ ᠤᠯᠤᠰ᠎ᠤᠨ ᠬᠦᠭᠵᠢᠭᠦᠯᠦᠯᠲᠡ ᠦᠭᠡᠷᠡᠴᠢᠯᠡᠯᠲᠡ ᠵᠢᠨ ᠵᠦᠪᠯᠡᠯ᠂ ᠡᠷᠡᠭᠦᠯ ᠬᠠᠮᠠᠭ᠋ᠠᠯᠠᠯ᠎ᠤᠨ ᠶᠠᠮᠤᠨ ᠪᠠ ᠬᠢᠲᠠᠳ ᠡᠮ ᠡᠮᠨᠡᠯᠭᠡ ᠵᠢᠨ ᠬᠠᠮᠢᠶᠠᠷᠤᠯᠲᠠ ᠵᠢᠨ ᠲᠣᠪᠴᠢᠶ᠎ᠠ ᠬᠠᠮᠲᠤᠷᠠᠨ 《ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠠᠮᠢᠶᠠᠷᠤᠯᠲᠠ ᠵᠢᠴᠢ ᠬᠣᠯᠪᠤᠭᠳᠠᠯ ᠪᠦᠬᠦᠢ ᠠᠰᠠᠭᠤᠳᠠᠯ᠎ᠢ ᠵᠢᠷᠤᠮᠵᠢᠭᠤᠯᠬᠤ ᠲᠤᠬᠠᠢ ᠮᠡᠳᠡᠭᠳᠡᠯ》 (ᠬᠦᠭᠵᠢᠭᠦᠯᠦᠯᠲᠡ ᠦᠭᠡᠷᠡᠴᠢᠯᠡᠯᠲᠡ ᠦᠨ᠎ᠡ [2012] 1170 ᠲᠣᠭ᠋ᠠᠲᠤ) ᠪᠠ 《ᠪᠦᠬᠦ ᠤᠯᠤᠰ᠎ᠤᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠲᠦᠷᠦᠯ ᠵᠦᠢ᠍ᠯ᠎ᠤᠨ ᠵᠢᠷᠤᠮᠵᠢᠯ (2012 ᠣᠨ᠎ᠤ ᠬᠡᠪᠯᠡᠯ)》᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠮᠤᠵᠢ᠎ᠨᠤᠭᠤᠳ᠎ᠢ ᠤᠯᠤᠰ᠎ᠤᠨ ᠱᠠᠭ᠋ᠠᠷᠳᠠᠯᠭ᠎ᠠ ᠶᠣᠰᠤᠭ᠋ᠠᠷ᠂ ᠲᠤᠰ ᠮᠤᠵᠢ ᠵᠢᠨ ᠣᠳᠣᠬᠢ ᠬᠡᠷᠡᠭᠯᠡᠵᠦ ᠪᠠᠢ᠌ᠭ᠎ᠠ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠢ ᠵᠢᠷᠤᠮᠵᠢᠭᠤᠯᠤᠨ᠂ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ᠎ᠳᠤ ᠵᠣᠬᠢᠴᠠᠩᠭᠤᠢ ᠲᠣᠬᠢᠷᠠᠭᠤᠯᠤᠯᠲᠠ ᠬᠢᠬᠦ ᠵᠢ ᠱᠠᠭ᠋ᠠᠷᠳᠠᠪᠠ᠃ (ᠬᠣᠶᠠᠷ) ᠬᠤᠰᠢᠭᠤ ᠰᠢᠶᠠᠨ᠎ᠤ ᠱᠠᠲᠤᠨ᠎ᠤ ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠣᠷᠢᠶ᠎ᠠ ᠵᠢᠨ ᠦᠭᠡᠷᠡᠴᠢᠯᠡᠯᠲᠡ ᠪᠠ ᠬᠤᠲᠠ ᠵᠢᠨ ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠣᠷᠢᠶ᠎ᠠ ᠵᠢᠨ ᠦᠭᠡᠷᠡᠴᠢᠯᠡᠯᠲᠡ᠂ ᠡᠮ᠎ᠤᠨ ᠵᠦᠢ᠍ᠯ᠎ᠤᠨ ᠨᠡᠮᠡᠯᠲᠡ ᠦᠨ᠎ᠡ ᠵᠢ ᠨᠢᠭᠡᠨᠲᠡ ᠪᠦᠬᠦᠨ᠎ᠢ ᠦᠭᠡᠢ᠌ᠰᠭᠡᠭᠰᠡᠨ ᠪᠣᠶᠤ ᠦᠭᠡᠢ᠌ᠰᠬᠡᠬᠦ᠎ᠪᠠᠷ ᠪᠠᠢ᠌ᠵᠤ᠂ ᠦᠭᠡᠷᠡᠴᠢᠯᠡᠯᠲᠡ ᠵᠢᠨ ᠲᠥᠷᠦ ᠵᠢᠨ ᠪᠣᠳᠤᠯᠭ᠎ᠠ᠎ᠨᠢ ᠪᠢᠳᠡ ᠨᠠᠷ᠎ᠤᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠵᠢᠷᠤᠮᠵᠢᠯ ᠪᠠ ᠦᠨ᠎ᠡ ᠬᠠᠩᠰᠢ ᠵᠢᠨ ᠲᠣᠬᠢᠷᠠᠭᠤᠯᠤᠯᠲᠠ ᠵᠢ ᠡᠷᠬᠡᠪᠰᠢ ᠢᠵᠢᠯ ᠠᠯᠬᠤᠮ ᠵᠶ᠋ᠠᠷ ᠤᠷᠤᠭᠰᠢᠯᠠᠬᠤ ᠵᠢ ᠱᠠᠭ᠋ᠠᠷᠳᠠᠵᠤ᠂ ᠡᠮ ᠡᠮᠨᠡᠯᠭᠡ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠣᠷᠤᠯᠭ᠎ᠠ ᠵᠢᠨ ᠪᠠᠢ᠌ᠷᠢᠰᠢᠯ᠎ᠢ ᠴᠠᠭ ᠲᠤᠬᠠᠢ᠎ᠳᠤᠨᠢ ᠲᠣᠬᠢᠷᠠᠭᠤᠯᠬᠤ ᠬᠡᠷᠡᠭᠲᠡᠢ ᠪᠣᠯᠵᠠᠢ᠃
      ᠦᠪᠡᠷᠲᠡᠭᠡᠨ ᠵᠠᠰᠠᠬᠤ ᠤᠷᠤᠨ᠎ᠤ ᠪᠣᠳᠠᠲᠤ ᠳᠡᠰ ᠳᠠᠪᠬᠤᠷᠭ᠎ᠠ᠎ᠠᠴᠠ ᠦᠵᠡᠪᠡᠯ᠂ ᠮᠠᠨ᠎ᠤ ᠤᠷᠤᠨ᠎ᠤ ᠣᠳᠣᠬᠢ ᠬᠡᠷᠡᠭᠯᠡᠵᠦ ᠪᠠᠢ᠌ᠭ᠎ᠠ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ ᠪᠠ ᠦᠨ᠎ᠡ ᠬᠠᠩᠰᠢ ᠪᠣᠯ 2004 ᠣᠨ᠎ᠳᠤ ᠲᠣᠭᠲᠠᠭ᠋ᠠᠭ᠋ᠠᠳ᠂ ᠨᠢᠭᠡᠨᠲᠡ ᠠᠷᠪᠠᠨ ᠬᠡᠳᠦᠨ ᠵᠢᠯ ᠬᠡᠷᠡᠭᠯᠡᠪᠡ᠂ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠪᠠᠷᠢᠮᠵᠢᠶ᠎ᠠ ᠨᠡᠯᠢᠶᠡᠳ ᠳᠣᠣᠷ᠎ᠠ ᠪᠠᠢ᠌ᠵᠤ᠂ ᠦᠨ᠎ᠡ ᠬᠠᠩᠰᠢ ᠵᠢᠨ ᠪᠦᠲᠦᠴᠡ ᠪᠦᠷᠢᠮᠦᠰᠦᠨ ᠵᠣᠬᠢᠰᠲᠠᠢ᠎ᠪᠠᠷ ᠪᠠᠷᠠᠬᠤ ᠦᠭᠡᠢ᠂ ᠡᠮ ᠡᠮᠨᠡᠯᠭᠡ ᠵᠢᠨ ᠮᠡᠷᠭᠡᠵᠢᠯ᠎ᠤᠨ ᠬᠦᠭᠵᠢᠯᠲᠡ ᠵᠢ ᠳᠠᠭ᠋ᠠᠯᠳᠤᠨ᠂ ᠰᠢᠨ᠎ᠡ᠎ᠪᠠᠷ ᠨᠡᠮᠡᠭᠳᠡᠭᠰᠡᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ ᠤᠯᠠᠨ ᠪᠠᠢ᠌ᠵᠤ᠂ ᠨᠢᠭᠡᠳᠦᠯᠲᠡᠢ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠴᠠᠭ ᠲᠤᠬᠠᠢ᠎ᠳᠤᠨᠢ ᠲᠣᠭᠲᠠᠭ᠋ᠠᠬᠤ ᠴᠢᠬᠣᠯᠲᠠᠢ ᠪᠣᠯᠤᠭᠰᠠᠨ ᠪᠠᠢ᠌ᠨ᠎ᠠ᠃
      ᠸᠠᠩ ᠵᠢᠨ ᠪᠣᠤ᠄
      ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠵᠢᠷᠤᠮᠵᠢᠭᠤᠯᠬᠤ ᠪᠠ ᠲᠣᠬᠢᠷᠠᠭᠤᠯᠬᠤ ᠠᠴᠢ ᠬᠣᠯᠪᠤᠭᠳᠠᠯ ᠭᠡᠪᠡᠯ᠄ ᠨᠢᠭᠡ᠎ᠳᠤ ᠡᠮᠨᠡᠯᠭᠡ ᠵᠢᠨ ᠬᠣᠷᠢᠶᠠᠨ᠎ᠤ ᠣᠷᠤᠯᠭ᠎ᠠ ᠵᠢᠨ ᠪᠦᠲᠦᠴᠡ ᠵᠢ ᠰᠢᠯᠢᠳᠡᠭᠵᠢᠭᠦᠯᠬᠦ᠎ᠳᠤ ᠠᠰᠢᠭᠲᠠᠢ᠂ ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠣᠷᠢᠶ᠎ᠠ ᠵᠢᠨ ᠰᠠᠢ᠌ᠨ ᠡᠷᠭᠢᠯᠲᠡ ᠪᠠ ᠦᠷᠭᠦᠯᠵᠢᠯᠡᠨ ᠬᠦᠭᠵᠢᠬᠦ ᠵᠢ ᠪᠡᠶᠡᠯᠡᠭᠦᠯᠦᠨ᠎ᠡ᠃ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠵᠣᠬᠢᠰᠲᠠᠢ ᠲᠣᠬᠢᠷᠠᠭᠤᠯᠬᠤ᠎ᠪᠠᠷ ᠳᠠᠮᠵᠢᠨ᠂ ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠣᠷᠢᠶᠠᠨ᠎ᠤ ᠣᠷᠤᠯᠭ᠎ᠠ ᠵᠢᠨ ᠪᠦᠲᠦᠴᠡ ᠵᠢ ᠬᠤᠪᠢᠷᠠᠭᠤᠯᠵᠤ᠂ ᠲᠤᠬᠠᠢ᠌ᠯᠠᠭᠰᠠᠨ ᠠᠵᠢᠯ᠎ᠤᠨ ᠣᠷᠤᠯᠭ᠎ᠠ ᠳᠤᠮᠳᠠᠬᠢ ᠮᠡᠷᠭᠡᠵᠢᠯ᠎ᠤᠨ ᠴᠢᠨᠠᠷᠲᠠᠢ ᠣᠷᠤᠯᠭ᠎ᠠ ᠵᠢᠨ ᠬᠤᠪᠢ ᠵᠢᠨ ᠵᠢᠩ᠎ᠢ ᠳᠡᠭᠡᠭᠰᠢᠯᠡᠭᠦᠯᠵᠦ᠂ ᠡᠮ᠎ᠤᠨ ᠵᠦᠢ᠍ᠯ ᠪᠠ ᠬᠣᠷᠤᠭᠳᠠᠯ ᠮᠠᠲᠸᠷᠢᠶᠠᠯ᠎ᠤᠨ ᠣᠷᠤᠯᠭ᠎ᠠ ᠵᠢᠨ ᠬᠤᠪᠢ ᠵᠢᠨ ᠵᠢᠩ᠎ᠢ ᠳᠣᠷᠤᠭᠰᠢᠯᠠᠭᠤᠯᠵᠤ᠂ ᠰᠢᠨᠵᠢᠯᠡᠬᠦ ᠤᠬᠠᠭ᠋ᠠᠨᠴᠢ ᠵᠣᠬᠢᠰᠲᠠᠢ ᠨᠦᠬᠦᠪᠦᠷᠢᠯᠡᠬᠦ ᠲᠣᠭᠲᠠᠴᠠ ᠵᠢ ᠠᠯᠬᠤᠮ ᠠᠯᠬᠤᠮ ᠵᠶ᠋ᠠᠷ ᠪᠠᠢ᠌ᠭᠤᠯᠬᠤ ᠪᠠ ᠲᠡᠭᠦᠯᠳᠡᠷᠵᠢᠭᠦᠯᠦᠨ᠎ᠡ᠃ ᠬᠣᠶᠠᠷ᠎ᠲᠤ ᠡᠮ ᠡᠮᠨᠡᠯᠭᠡ ᠵᠢᠨ ᠦᠨ᠎ᠡ ᠬᠠᠩᠰᠢ ᠵᠢᠨ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ᠎ᠳᠤ ᠠᠰᠢᠭᠲᠠᠢ᠂ ᠡᠪᠡᠳᠴᠢᠲᠡᠨ᠎ᠤ ᠬᠠᠤᠯᠢ ᠶᠣᠰᠤᠨ᠎ᠤ ᠦᠨ᠎ᠡ ᠬᠠᠩᠰᠢ ᠵᠢᠨ ᠡᠷᠬᠡ ᠠᠰᠢᠭ᠎ᠢ ᠬᠠᠮᠠᠭ᠋ᠠᠯᠠᠨ᠎ᠠ᠃ ᠰᠢᠨ᠎ᠡ᠎ᠪᠠᠷ ᠬᠡᠪᠯᠡᠭᠰᠡᠨ ᠲᠦᠷᠦᠯ ᠵᠦᠢ᠍ᠯ᠎ᠤᠨ ᠦᠨ᠎ᠡ ᠬᠠᠩᠰᠢ ᠳᠣᠲᠤᠷᠠᠬᠢ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠨᠡᠷᠡᠢ᠌ᠳᠦᠯ᠂ ᠠᠭᠤᠯᠤᠭᠳᠠᠬᠤᠨ᠂ ᠡᠭᠦᠨ᠎ᠠᠴᠠ ᠭᠠᠳᠠᠨᠠᠬᠢ ᠠᠭᠤᠯᠭ᠎ᠠ᠎ᠳᠤ ᠨᠠᠷᠢᠨ ᠲᠣᠳᠤᠷᠬᠠᠢ ᠵᠠᠭ᠋ᠠᠭᠯᠠᠨ ᠲᠣᠳᠤᠷᠬᠠᠢ᠌ᠯᠠᠯᠲᠠ ᠬᠢᠵᠦ᠂ ᠲᠡᠷᠡᠴᠢᠯᠡᠨ ᠡᠮᠴᠢᠯᠡᠭᠡᠨ᠎ᠤ ᠠᠵᠢᠯᠯᠠᠭ᠎ᠠ ᠵᠢᠨ ᠡᠴᠦᠰ᠎ᠤᠨ ᠲᠥᠷᠥᠯ ᠵᠦᠢ᠍ᠯ᠎ᠳᠤ᠂ ᠡᠮ ᠡᠮᠨᠡᠯᠭᠡ ᠵᠢᠨ ᠪᠠᠢ᠌ᠭᠤᠯᠤᠮᠵᠢ ᠵᠢᠨ ᠳᠠᠬᠢᠨ ᠳᠤᠷ᠎ᠠ᠎ᠪᠠᠷ ᠵᠶ᠋ᠠᠨ ᠵᠠᠳᠠᠯᠤᠨ ᠬᠤᠪᠢᠶᠠᠷᠢᠯᠠᠬᠤ ᠵᠢ ᠵᠦᠪᠰᠢᠶᠡᠷᠡᠬᠦ ᠦᠭᠡᠢ᠂ ᠡᠨᠡ᠎ᠨᠢ ᠡᠮ ᠡᠮᠨᠡᠯᠭᠡ ᠵᠢᠨ ᠪᠠᠢ᠌ᠭᠤᠯᠤᠮᠵᠢ ᠵᠢᠨ ᠦᠨ᠎ᠡ ᠬᠠᠩᠰᠢ ᠵᠢ ᠵᠢᠷᠤᠮᠵᠢᠭᠤᠯᠬᠤ ᠦᠢ᠍ᠯᠡ ᠠᠵᠢᠯᠯᠠᠭ᠎ᠠ᠎ᠳᠤ ᠠᠰᠢᠭᠲᠠᠢ ᠪᠠᠢ᠌ᠵᠤ᠂ ᠡᠪᠡᠳᠴᠢᠲᠡᠨ᠎ᠤ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ ᠵᠢ ᠬᠦᠩᠭᠡᠷᠡᠭᠦᠯᠦᠨ᠎ᠡ᠃ ᠭᠤᠷᠪᠠ᠎ᠳᠤ ᠲᠤᠰᠠᠭ᠋ᠠᠷ ᠰᠦᠢ᠍ᠳᠬᠡᠯ ᠬᠤᠷᠢᠶᠠᠵᠤ ᠪᠣᠯᠬᠤ ᠬᠣᠷᠣᠭᠳᠠᠯ ᠮᠠᠲᠸᠷᠢᠶᠠᠯ᠎ᠤᠨ ᠲᠦᠷᠦᠯ ᠵᠦᠢ᠍ᠯ ᠪᠠ ᠲᠣᠭ᠎ᠠ ᠵᠢ ᠴᠢᠩᠭ᠎ᠠ ᠡᠵᠡᠮᠳᠡᠵᠦ᠂ ᠡᠩ᠎ᠤᠨ ᠬᠡᠷᠡᠭᠯᠡᠳᠡᠭ ᠳᠣᠣᠷ᠎ᠠ ᠦᠷᠲᠡᠭ᠎ᠤᠨ ᠨᠢᠭᠡ ᠯᠡ ᠤᠳᠠᠭ᠋ᠠᠨ᠎ᠤ ᠴᠢᠨᠠᠷᠲᠠᠶ ᠡᠮᠴᠢᠯᠡᠭᠡᠨ᠎ᠳᠤ ᠬᠡᠷᠡᠭᠯᠡᠬᠦ ᠬᠣᠷᠤᠭᠳᠠᠯ ᠮᠠᠲᠸᠷᠢᠶᠠᠯ᠎ᠢ ᠪᠣᠭᠣᠳᠠᠯᠯᠠᠨ ᠰᠦᠢ᠍ᠳᠬᠡᠯ ᠬᠤᠷᠢᠶᠠᠬᠤ᠎ᠨᠢ ᠡᠮ ᠡᠮᠨᠡᠯᠭᠡ ᠵᠢᠨ ᠪᠠᠢ᠌ᠭᠤᠯᠤᠮᠵᠢ ᠵᠢᠨ ᠰᠠᠨᠠᠭ᠋ᠠᠴᠢᠯᠠᠭ᠎ᠠ᠎ᠠᠴᠠ᠎ᠪᠠᠨ ᠥᠪᠡᠷ᠎ᠤᠨ ᠦᠷᠳᠡᠭ ᠵᠶ᠋ᠠᠨ ᠡᠵᠡᠮᠳᠡᠬᠦ᠎ᠳᠤ ᠠᠰᠢᠭᠲᠠᠢ ᠪᠠᠢ᠌ᠵᠤ᠂ ᠴᠢᠬᠣᠯᠠ ᠦᠭᠡᠢ ᠬᠣᠷᠤᠭᠳᠠᠯ ᠮᠠᠲᠸᠷᠢᠶᠠᠯ᠎ᠢ ᠬᠡᠷᠡᠭᠯᠡᠬᠦ ᠪᠠ ᠰᠦᠢ᠍ᠳᠭᠡᠯ ᠬᠤᠷᠢᠶᠠᠬᠤ ᠵᠢ ᠪᠠᠭ᠋ᠠᠰᠬᠠᠨ᠎ᠠ᠃ ᠳᠥᠷᠪᠡ᠎ᠳᠤ ᠡᠮ ᠡᠮᠨᠡᠯᠭᠡ ᠵᠢᠨ ᠪᠠᠢ᠌ᠭᠤᠯᠤᠮᠵᠢ ᠵᠢᠨ ᠳᠣᠲᠤᠭ᠋ᠠᠳᠤ ᠵᠢᠨ ᠬᠠᠮᠢᠶᠠᠷᠤᠯᠲᠠ᠎ᠪᠠᠨ ᠴᠢᠩᠭ᠋ᠠᠳᠬᠠᠬᠤ᠎ᠳᠤ ᠠᠰᠢᠭᠲᠠᠢ ᠪᠠᠢ᠌ᠵᠤ᠂ ᠬᠢᠨᠠᠨ ᠬᠠᠮᠢᠶᠠᠷᠬᠤ ᠰᠠᠯᠠᠭ᠎ᠠ ᠮᠦᠴᠢᠷ᠎ᠤᠨ ᠬᠢᠨᠠᠯᠲᠠ ᠲᠠᠯᠪᠢᠵᠤ ᠪᠠᠢ᠌ᠴᠠᠭ᠋ᠠᠬᠤ᠎ᠳᠤ ᠨᠡᠩ ᠠᠰᠢᠭᠲᠠᠢ ᠶᠤᠮ᠃ ᠡᠨᠡ ᠤᠳᠠᠭ᠋ᠠᠨ᠎ᠤ ᠲᠣᠬᠢᠷᠠᠭᠤᠯᠤᠯᠲᠠ᠎ᠨᠢ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠣᠷᠤᠨ ᠲᠣᠭ᠎ᠠ᠂ ᠲᠦᠷᠦᠯ ᠵᠦᠢ᠍ᠯ᠎ᠤᠨ ᠨᠡᠷᠡᠢ᠌ᠳᠦᠯ᠂ ᠡᠮᠴᠢᠯᠡᠭᠡᠨ᠎ᠤ ᠠᠵᠢᠯᠯᠠᠭ᠎ᠠ ᠵᠢᠨ ᠲᠦᠷᠦᠯᠴᠢᠯᠡᠯ᠎ᠢ ᠨᠢᠭᠡᠲᠦᠭᠦᠯᠵᠦ᠂ ᠠᠵᠢᠯᠯᠠᠭ᠎ᠠ ᠵᠢᠨ ᠶᠠᠪᠤᠴᠠ᠂ ᠭᠣᠣᠯ ᠵᠠᠮ᠂ ᠠᠷᠭ᠎ᠠ ᠮᠠᠶᠢᠭ᠂ ᠠᠯᠬᠤᠮ ᠳᠠᠷᠠᠭ᠎ᠠ ᠵᠢᠨ ᠢᠯᠡᠳᠭᠡᠮᠵᠢ᠎ᠨᠢ ᠲᠣᠳᠤᠷᠬᠠᠢ᠂ ᠰᠦᠢ᠍ᠳᠭᠡᠯ ᠬᠤᠷᠢᠶᠠᠬᠤ᠎ᠨᠢ ᠢᠯᠡ ᠲᠣᠳᠣ ᠪᠠᠢ᠌ᠬᠤ ᠬᠡᠮᠵᠢᠶ᠎ᠡ ᠵᠢ ᠤᠯᠠᠮ ᠳᠡᠭᠡᠭᠰᠢᠯᠡᠭᠦᠯᠬᠦ ᠵᠢᠨ ᠲᠤᠰᠠᠳᠠ᠂ ᠮᠡᠳᠡᠭᠡ ᠵᠠᠩᠬᠢᠵᠢᠯᠲᠠ ᠵᠢᠨ ᠠᠷᠭ᠎ᠠ ᠪᠠᠷᠢᠯ᠎ᠢ ᠠᠰᠢᠭᠯᠠᠨ ᠬᠢᠨᠠᠨ ᠬᠠᠮᠢᠶᠠᠷᠤᠯᠲᠠ᠎ᠪᠠᠨ ᠴᠢᠩᠭ᠋ᠠᠳᠬᠠᠬᠤ᠎ᠳᠤ ᠰᠢᠨ᠎ᠡ ᠨᠦᠭᠦᠴᠡᠯ᠎ᠢ ᠪᠣᠢ ᠪᠣᠯᠭ᠋ᠠᠪᠠ᠃
      ᠬᠦᠲᠦᠯᠦᠭᠴᠢ᠄
      ᠡᠨᠡ ᠤᠳᠠᠭ᠋ᠠᠨ᠎ᠤ ᠵᠢᠷᠤᠮᠵᠢᠯ ᠪᠠ ᠲᠣᠬᠢᠷᠠᠭᠤᠯᠤᠯᠲᠠ ᠵᠢᠨ ᠵᠠᠷᠴᠢᠮ ᠪᠠ ᠪᠣᠳᠠᠲᠤ ᠠᠭᠤᠯᠭ᠎ᠠ᠎ᠨᠢ ᠶᠠᠭᠤ ᠪᠣᠢ?
      ᠸᠠᠩ ᠵᠢᠨ ᠪᠣᠤ᠄
      ᠡᠨᠡ ᠤᠳᠠᠭ᠎ᠠ ᠮᠠᠨ᠎ᠤ ᠤᠷᠤᠨ᠎ᠤ ᠡᠮ ᠡᠮᠨᠡᠯᠭᠡ ᠵᠢᠨ ᠲᠦᠷᠦᠯ ᠵᠦᠢ᠍ᠯ᠎ᠤᠨ ᠵᠢᠷᠤᠮᠵᠢᠯ ᠪᠠ ᠦᠨ᠎ᠡ ᠬᠠᠩᠰᠢ ᠵᠢᠨ ᠲᠣᠬᠢᠷᠠᠭᠤᠯᠤᠯᠲᠠ ᠵᠢᠨ ᠵᠢᠷᠤᠮᠯᠠᠬᠤ ᠦᠨᠳᠦᠰᠦᠨ ᠵᠠᠷᠴᠢᠮ ᠭᠡᠪᠡᠯ᠄ ᠨᠢᠭᠡ᠎ᠳᠤ 《ᠶᠡᠷᠦᠩᠬᠡᠢ ᠬᠡᠮᠵᠢᠶ᠎ᠡ ᠵᠢ ᠡᠵᠡᠮᠰᠢᠬᠦ᠂ ᠪᠦᠲᠦᠴᠡ ᠵᠢ ᠲᠣᠬᠢᠷᠠᠭᠤᠯᠬᠤ᠂ ᠥᠰᠦᠯᠲᠡ᠎ᠲᠠᠢ ᠪᠠᠭᠤᠷᠠᠯᠲᠠ᠎ᠲᠠᠢ᠂ ᠠᠯᠬᠤᠮ ᠠᠯᠬᠤᠮ ᠵᠶ᠋ᠠᠷ ᠪᠣᠳᠠᠲᠠᠶ᠋ᠢᠵᠢᠭᠤᠯᠬᠤ》 ᠪᠣᠯᠤᠨ᠎ᠠ; ᠡᠪᠡᠳᠴᠢᠨ ᠪᠠᠢ᠌ᠴᠠᠭ᠋ᠠᠬᠤ᠂ ᠠᠰᠠᠷᠠᠨ ᠰᠤᠪᠢᠯᠠᠬᠤ᠂ ᠮᠡᠰᠡ ᠵᠠᠰᠠᠯ᠂ ᠬᠢᠲᠠᠳ ᠡᠮᠨᠡᠯᠭᠡ ᠵᠢᠨ ᠲᠦᠷᠦᠯ ᠵᠡᠷᠭᠡ ᠲᠦᠷᠦᠯ ᠵᠦᠢ᠍ᠯ᠎ᠤᠨ ᠦᠨ᠎ᠡ ᠬᠠᠩᠰᠢ ᠵᠢ ᠦᠰᠭᠡᠬᠦ᠎ᠪᠠᠷ ᠳᠠᠮᠵᠢᠨ᠂ ᠵᠠᠷᠢᠮ ᠲᠣᠮᠤ ᠬᠡᠯᠪᠡᠷᠢ ᠵᠢᠨ ᠲᠦᠬᠦᠬᠡᠷᠦᠮᠵᠢ᠎ᠪᠠᠷ ᠰᠢᠯᠭ᠋ᠠᠨ ᠪᠠᠢ᠌ᠴᠠᠭ᠋ᠠᠬᠤ ᠵᠡᠷᠭᠡ ᠲᠦᠷᠦᠯ ᠵᠦᠢ᠍ᠯ᠎ᠤᠨ ᠦᠨ᠎ᠡ ᠬᠠᠩᠰᠢ ᠵᠢ ᠪᠠᠭᠤᠷᠠᠭᠤᠯᠵᠤ᠂ ᠡᠮ ᠡᠮᠨᠡᠯᠭᠡ ᠵᠢᠨ ᠦᠢ᠍ᠯᠡᠴᠢᠯᠡᠭᠡᠨ᠎ᠤ ᠠᠳᠠᠯᠢᠳᠬᠠᠯ ᠦᠨ᠎ᠡ ᠵᠢᠨ ᠬᠠᠷᠢᠴᠠᠭ᠎ᠠ ᠵᠢ ᠤᠯᠠᠮ ᠡᠮᠬᠢ ᠵᠠᠮᠪᠠᠷᠠᠭ᠎ᠠ᠎ᠲᠠᠢ ᠪᠣᠯᠭ᠋ᠠᠵᠤ᠂ ᠡᠮᠨᠡᠯᠭᠡ ᠵᠢᠨ ᠠᠵᠢᠯᠳᠠᠨ᠎ᠤ ᠬᠦᠳᠡᠯᠮᠦᠷᠢ ᠦᠢ᠍ᠯᠡᠴᠢᠯᠡᠭᠡ ᠵᠢᠨ ᠦᠷᠲᠡᠭ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ ᠬᠣᠶᠠᠷ᠎ᠲᠤ 《ᠦᠪᠡᠷ᠎ᠤᠨ ᠦᠷᠲᠡᠭ᠎ᠢ ᠨᠦᠬᠦᠪᠦᠷᠢᠯᠡᠬᠦ᠂ ᠬᠣᠷᠤᠭᠳᠠᠯ ᠮᠠᠲᠸᠷᠢᠶᠠᠯ᠎ᠢ ᠡᠵᠡᠮᠰᠢᠬᠦ᠂ ᠲᠤᠷᠰᠢᠯᠲᠠ ᠵᠢᠨ ᠴᠢᠭ᠋᠎ᠲᠤ ᠤᠷᠢᠳᠠᠪᠡᠷ ᠬᠡᠷᠡᠭᠯᠡᠬᠦ᠂ ᠬᠥᠳᠡᠯᠦᠩᠭᠦᠶ᠎ᠪᠠᠷ ᠲᠣᠬᠢᠷᠠᠭᠤᠯᠬᠤ》 ᠪᠣᠯᠤᠨ᠎ᠠ᠃ ᠨᠢᠭᠡ ᠪᠦᠯᠦᠭ ᠭᠠᠵᠠᠷ ᠤᠷᠤᠨ᠎ᠳᠤ ᠲᠤᠷᠰᠢᠯᠲᠠ ᠵᠢᠨ ᠴᠢᠭ᠋ ᠦᠷᠨᠢᠭᠦᠯᠬᠦ᠎ᠪᠠᠷ ᠳᠠᠮᠵᠢᠨ᠂ ᠬᠥᠳᠡᠯᠦᠩᠭᠦᠶ᠎ᠪᠠᠷ ᠲᠣᠬᠢᠷᠠᠭᠤᠯᠬᠤ ᠲᠣᠭᠲᠠᠴᠠ ᠵᠢ ᠪᠠᠢ᠌ᠭᠤᠯᠵᠤ᠂ ᠦᠨ᠎ᠡ ᠬᠠᠩᠰᠢ ᠵᠢ ᠲᠣᠭᠲᠠᠭᠤᠨ ᠵᠶ᠋ᠠᠷ ᠰᠢᠯᠵᠢᠭᠦᠯᠵᠦ᠂ ᠳᠠᠷᠠᠭ᠋ᠠᠴᠢ ᠵᠢᠨ ᠠᠯᠬᠤᠮ᠎ᠤᠨ ᠪᠦᠬᠦ ᠲᠠᠯ᠎ᠠ᠎ᠪᠠᠷ ᠬᠡᠷᠡᠭᠵᠢᠭᠦᠯᠬᠦ᠎ᠳᠤ ᠰᠠᠭᠤᠷᠢ ᠲᠠᠯᠪᠢᠵᠤ ᠦᠭᠴᠡᠢ᠃
      ᠪᠣᠳᠠᠲᠠᠢ ᠠᠭᠤᠯᠭ᠎ᠠ᠄ ᠮᠠᠨ᠎ᠤ ᠤᠷᠤᠨ᠎ᠤ 《ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠦᠨ᠎ᠡ ᠬᠠᠩᠰᠢ (2012 ᠬᠡᠪᠯᠡᠯ)》 ᠵᠢᠨ ᠵᠢᠷᠤᠮᠵᠢᠯ ᠪᠠ ᠲᠣᠬᠢᠷᠠᠭᠤᠯᠤᠯᠲᠠ ᠵᠢᠨ ᠲᠦᠷᠦᠯ ᠵᠦᠢ᠍ᠯ ᠨᠡᠢ᠌ᠲᠡ ᠠᠷᠪᠠᠨ ᠨᠢᠭᠡᠨ ᠶᠡᠬᠡ ᠲᠦᠷᠦᠯ᠂ 8754 ᠵᠦᠢ᠍ᠯ ᠪᠠᠢ᠌ᠨ᠎ᠠ᠃ ᠶᠡᠷᠦᠩᠬᠡᠢ᠌ᠯᠡᠭᠰᠡᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ 163 ᠵᠦᠢ᠍ᠯ᠂ ᠢᠮᠡᠭᠧ ᠰᠡᠭᠦᠳᠡᠷ᠎ᠤᠨ ᠰᠤᠳᠤᠯᠤᠯ᠎ᠤᠨ ᠣᠨᠣᠰᠢᠯᠠᠯᠲᠠ ᠵᠢᠨ ᠲᠦᠷᠦᠯ 590 ᠵᠦᠢ᠍ᠯ᠂ ᠡᠪᠡᠳᠴᠢᠨ᠎ᠤ ᠣᠨᠣᠰᠢᠯᠠᠯᠲᠠ ᠵᠢᠨ ᠲᠦᠷᠦᠯ 43 ᠵᠦᠢ᠍ᠯ᠂ ᠲᠤᠰᠠᠯᠠᠬᠤ ᠠᠵᠢᠯᠯᠠᠭ᠎ᠠ ᠵᠢᠨ ᠲᠦᠷᠦᠯ 17 ᠵᠦᠢ᠍ᠯ᠂ ᠡᠮᠴᠢᠯᠡᠭᠡ ᠵᠢᠨ ᠮᠡᠰᠡ ᠵᠠᠰᠠᠯ᠎ᠤᠨ ᠲᠦᠷᠦᠯ 4843 ᠵᠦᠢ᠍ᠯ᠂ ᠲᠤᠷᠰᠢᠯᠲᠠ ᠵᠢᠨ ᠳᠠᠰᠤᠭ᠎ᠤᠨ ᠣᠨᠣᠰᠢᠯᠠᠯᠲᠠ ᠵᠢᠨ ᠲᠦᠷᠦᠯ 1104 ᠵᠦᠢ᠍ᠯ᠂ ᠡᠮᠴᠢᠯᠡᠭᠡᠨ᠎ᠤ ᠮᠡᠰᠡ ᠵᠠᠰᠠᠯ᠎ᠤᠨ ᠪᠣᠰᠤ ᠲᠦᠷᠦᠯ 416 ᠵᠦᠢ᠍ᠯ᠂ ᠡᠮᠴᠢᠯᠡᠭᠡᠨ᠎ᠤ ᠣᠨᠣᠰᠢᠯᠠᠯᠲᠠ ᠵᠢᠨ ᠲᠦᠷᠦᠯ 868 ᠵᠦᠢ᠍ᠯ᠂ ᠡᠷᠡᠭᠦᠯᠵᠢᠭᠦᠯᠬᠦ ᠡᠮᠴᠢᠯᠡᠭᠡᠨ᠎ᠤ ᠲᠦᠷᠦᠯ 150 ᠵᠦᠢ᠍ᠯ᠂ ᠡᠮᠴᠢᠯᠡᠭᠡᠨ᠎ᠤ ᠹᠢᠽᠢᠺ᠎ᠤᠨ ᠡᠮᠴᠢᠯᠡᠭᠡ ᠵᠢᠨ ᠲᠦᠷᠦᠯ 233 ᠵᠦᠢ᠍ᠯ᠂ ᠬᠢᠲᠠᠳ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ 327 ᠵᠦᠢ᠍ᠯ᠎ᠢ ᠪᠠᠭᠲᠠᠭ᠋ᠠᠨ᠎ᠠ᠃ ᠡᠭᠦᠨ᠎ᠤ ᠳᠣᠲᠤᠷ᠎ᠠ ᠢᠮᠡᠭᠧ ᠰᠡᠭᠦᠳᠡᠷ᠎ᠤᠨ ᠰᠤᠳᠤᠯᠤᠯ᠎ᠤᠨ ᠣᠨᠣᠰᠢᠯᠠᠯᠲᠠ ᠵᠢᠨ ᠲᠦᠷᠦᠯ᠎ᠤᠨ ᠳᠤᠮᠳᠠᠴᠢ ᠳᠣᠷᠤᠭᠰᠢᠯᠠᠭᠤᠯᠤᠭᠰᠠᠨ ᠬᠡᠮᠵᠢᠶ᠎ᠡ᠎ᠨᠢ 15%᠂ ᠲᠤᠷᠰᠢᠯᠲᠠ ᠵᠢᠨ ᠳᠠᠰᠤᠭ᠎ᠤᠨ ᠣᠨᠣᠰᠢᠯᠠᠯᠲᠠ ᠵᠢᠨ ᠲᠦᠷᠦᠯ᠎ᠤᠨ ᠳᠤᠮᠳᠠᠴᠢ ᠳᠣᠷᠤᠭᠰᠢᠯᠠᠭᠤᠯᠤᠭᠰᠠᠨ ᠬᠡᠮᠵᠢᠶ᠎ᠡ᠎ᠨᠢ 10%᠂ ᠶᠡᠷᠦᠩᠬᠡᠢ᠌ᠯᠡᠭᠰᠡᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ᠎ᠤᠨ ᠳᠤᠮᠳᠠᠴᠢ ᠳᠡᠭᠡᠭᠰᠢᠯᠡᠭᠦᠯᠦᠭᠰᠡᠨ ᠬᠡᠮᠵᠢᠶ᠎ᠡ᠎ᠨᠢ 70%᠂ ᠡᠮᠴᠢᠯᠡᠭᠡ ᠵᠢᠨ ᠮᠡᠰᠡ ᠵᠠᠰᠠᠯ᠎ᠤᠨ ᠲᠦᠷᠦᠯ᠎ᠤᠨ ᠳᠤᠮᠳᠠᠴᠢ ᠳᠡᠭᠡᠭᠰᠢᠯᠡᠭᠦᠯᠦᠭᠰᠡᠨ ᠬᠡᠮᠵᠢᠶ᠎ᠡ᠎ᠨᠢ 60%᠂ ᠡᠮᠴᠢᠯᠡᠭᠡᠨ᠎ᠤ ᠮᠡᠰᠡ ᠵᠠᠰᠠᠯ᠎ᠤᠨ ᠪᠣᠰᠤ ᠲᠦᠷᠦᠯ᠂ ᠡᠮᠴᠢᠯᠡᠭᠡᠨ᠎ᠤ ᠣᠨᠣᠰᠢᠯᠠᠯᠲᠠ ᠵᠢᠨ ᠲᠦᠷᠦᠯ᠎ᠤᠨ ᠳᠤᠮᠳᠠᠴᠢ ᠳᠡᠭᠡᠭᠰᠢᠯᠡᠭᠦᠯᠦᠭᠰᠡᠨ ᠬᠡᠮᠵᠢᠶ᠎ᠡ᠎ᠨᠢ 20%᠂ ᠡᠮᠴᠢᠯᠡᠭᠡᠨ᠎ᠤ ᠹᠢᠽᠢᠺ᠎ᠤᠨ ᠡᠮᠴᠢᠯᠡᠭᠡ ᠵᠢᠨ ᠲᠦᠷᠦᠯ᠂ ᠡᠷᠡᠭᠦᠯᠵᠢᠭᠦᠯᠬᠦ ᠡᠮᠴᠢᠯᠡᠭᠡᠨ᠎ᠤ ᠲᠦᠷᠦᠯ᠎ᠤᠨ ᠳᠤᠮᠳᠠᠴᠢ ᠳᠡᠭᠡᠭᠰᠢᠯᠡᠭᠦᠯᠦᠭᠰᠡᠨ ᠬᠡᠮᠵᠢᠶ᠎ᠡ᠎ᠨᠢ 30%᠂ ᠬᠢᠲᠠᠳ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ᠎ᠤᠨ ᠳᠤᠮᠳᠠᠴᠢ ᠳᠡᠭᠡᠭᠰᠢᠯᠡᠭᠦᠯᠦᠭᠰᠡᠨ ᠬᠡᠮᠵᠢᠶ᠎ᠡ᠎ᠨᠢ 50% ᠪᠣᠯᠤᠨ᠎ᠠ᠃ ᠰᠢᠨ᠎ᠡ ᠨᠡᠮᠡᠭᠳᠡᠭᠰᠡᠨ ᠲᠦᠷᠦᠯ 508 ᠵᠦᠢ᠍ᠯ᠂ ᠵᠡᠷᠭᠡᠴᠡᠭᠡ ᠰᠢᠯᠵᠢᠯᠲᠡ ᠵᠢᠨ ᠲᠦᠷᠦᠯ 657 ᠵᠦᠢ᠍ᠯ ᠪᠠᠢ᠌ᠨ᠎ᠠ᠃
      ᠬᠦᠲᠦᠯᠦᠭᠴᠢ᠄
      ᠰᠢᠨ᠎ᠡ ᠬᠡᠪᠯᠡᠭᠰᠡᠨ ᠦᠨ᠎ᠡ ᠬᠠᠩᠰᠢ ᠵᠢᠨ ᠭᠠᠷᠴᠠᠭ ᠳᠣᠲᠤᠷ᠎ᠠ ᠶᠡᠷᠦᠩᠬᠡᠢ᠌ᠯᠡᠭᠰᠡᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠦᠨ᠎ᠡ ᠬᠠᠩᠰᠢ ᠵᠢ ᠳᠡᠭᠡᠭᠰᠢᠯᠡᠭᠦᠯᠦᠭᠰᠡᠨ ᠬᠡᠮᠵᠢᠶ᠎ᠡ᠎ᠨᠢ 70% ᠪᠠᠢ᠌ᠵᠤ᠂   ᠡᠮᠴᠢᠯᠡᠭᠡ ᠵᠢᠨ ᠮᠡᠰᠡ ᠵᠠᠰᠠᠯ᠎ᠤᠨ ᠲᠦᠷᠦᠯ᠎ᠤᠨ ᠳᠤᠮᠳᠠᠴᠢ ᠳᠡᠭᠡᠭᠰᠢᠯᠡᠭᠦᠯᠦᠭᠰᠡᠨ ᠬᠡᠮᠵᠢᠶ᠎ᠡ᠎ᠨᠢ 60%᠂ ᠲᠤᠮᠤ ᠬᠡᠯᠪᠡᠷᠢ ᠵᠢᠨ ᠲᠥᠬᠥᠭᠡᠷᠦᠮᠵᠢ᠎ᠪᠠᠷ ᠪᠠᠢ᠌ᠴᠠᠭ᠋ᠠᠬᠤ᠂ ᠰᠢᠯᠭ᠋ᠠᠨ ᠪᠠᠢ᠌ᠴᠠᠭ᠋ᠠᠬᠤ ᠵᠢᠨ ᠳᠣᠷᠤᠭᠰᠢᠯᠠᠭᠤᠯᠤᠭᠰᠠᠨ ᠬᠡᠮᠵᠢᠶ᠎ᠡ᠎ᠨᠢ ᠲᠤᠰᠪᠦᠷᠢ 15% ᠪᠠ 10% ᠪᠣᠯᠤᠨ᠎ᠠ᠂ ᠡᠳᠡᠭᠡᠷ ᠲᠣᠬᠢᠷᠠᠭᠤᠯᠤᠯᠲᠠ ᠵᠢᠨ ᠬᠡᠮᠵᠢᠶ᠎ᠡ ᠵᠢ ᠶᠠᠭᠤ᠎ᠪᠠᠷ ᠦᠨᠳᠦᠰᠦ ᠪᠠᠷᠢᠮᠳᠠ ᠪᠣᠯᠭ᠋ᠠᠨ ᠲᠣᠭᠲᠠᠭ᠋ᠠᠭᠰᠠᠨ ᠪᠣᠢ? ᠲᠣᠭ᠎ᠠ ᠪᠠᠷᠢᠮᠳᠠ᠎ᠠᠴᠠ ᠦᠵᠡᠪᠡᠯ᠂ ᠳᠡᠭᠡᠭᠰᠢᠯᠡᠯᠲᠡ᠎ᠨᠢ ᠳᠣᠷᠤᠭᠰᠢᠯᠠᠭᠤᠯᠤᠭᠰᠠᠨ ᠵᠦᠢ᠍ᠯ᠎ᠠᠴᠠ ᠠᠷᠪᠢᠨ ᠪᠠᠢ᠌ᠨ᠎ᠠ᠃
      ᠸᠠᠩ ᠵᠢᠨ ᠪᠣᠤ᠄
      ᠶᠡᠷᠦᠩᠬᠡᠢ᠌ᠯᠡᠭᠰᠡᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠨᠢ ᠤᠯᠠᠨ ᠰᠠᠯᠠᠭ᠎ᠠ ᠲᠠᠰᠤᠭ᠎ᠤᠨ ᠬᠠᠮᠲᠤᠪᠡᠷ ᠬᠡᠷᠡᠭᠯᠡᠬᠦ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠲᠦᠷᠦᠯ ᠵᠦᠢ᠍ᠯ᠎ᠢ ᠬᠡᠯᠡᠨ᠎ᠡ᠂ ᠭᠣᠣᠯ᠎ᠨᠢ ᠡᠭᠦᠳᠡᠨ ᠡᠮᠨᠡᠯᠭᠡ ᠵᠢᠨ ᠡᠪᠡᠳᠴᠢᠨ ᠪᠠᠶ᠋ᠢᠴᠠᠭ᠋ᠠᠬᠤ᠂ ᠣᠷᠣ᠂ ᠵᠡᠭᠦᠦ ᠲᠠᠷᠢᠯᠭ᠎ᠠ᠂ ᠤᠰᠦᠠ ᠡᠮ ᠶᠡᠭᠦᠯᠡᠬᠦ᠂ ᠡᠮ ᠰᠣᠯᠢᠬᠤ ᠵᠡᠷᠭᠡ ᠵᠢ ᠪᠠᠭᠲᠠᠭ᠋ᠠᠵᠤ᠂ ᠭᠣᠣᠯᠳᠠᠭᠤ ᠡᠮᠴᠢ ᠪᠠ ᠰᠤᠪᠢᠯᠠᠭᠴᠢ ᠵᠢᠨ ᠬᠥᠳᠡᠯᠮᠦᠷᠢ ᠦᠢ᠍ᠯᠡᠴᠢᠯᠡᠭᠡᠨ᠎ᠤ ᠮᠡᠷᠭᠡᠵᠢᠯ᠎ᠤᠨ ᠦᠨ᠎ᠡ ᠦᠷᠲᠡᠭ᠎ᠢ ᠢᠯᠡᠷᠡᠭᠦᠯᠦᠨ᠎ᠡ᠃ ᠶᠡᠷᠦᠩᠬᠡᠢ᠌ᠯᠡᠭᠰᠡᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ᠎ᠤᠨ ᠦᠨ᠎ᠡ ᠬᠠᠩᠰᠢ ᠵᠢᠨ ᠳᠡᠭᠡᠭᠰᠢᠯᠡᠭᠰᠡᠨ ᠬᠡᠮᠵᠢᠶ᠎ᠡ᠎ᠨᠢ 70% ᠪᠠᠢ᠌ᠵᠤ᠂ ᠰᠢᠯᠵᠢᠯᠲᠡ ᠵᠢᠨ ᠬᠡᠮᠵᠢᠶ᠎ᠡ᠎ᠨᠢ ᠨᠡᠯᠢᠶᠡᠳ ᠶᠡᠬᠡ ᠪᠠᠢ᠌ᠬᠤ ᠵᠢᠨ ᠭᠣᠣᠯ ᠰᠢᠯᠲᠠᠭ᠋ᠠᠨ᠎ᠨᠢ ᠡᠭᠦᠳᠡᠨ ᠡᠮᠨᠡᠯᠭᠡ ᠵᠢᠨ ᠡᠪᠡᠳᠴᠢᠨ ᠪᠠᠢ᠌ᠴᠠᠭ᠋ᠠᠯᠭ᠋ᠠᠬᠤ ᠵᠠᠷᠤᠳᠠᠯ᠎ᠢ ᠳᠡᠭᠡᠭᠰᠢᠯᠡᠭᠦᠯᠦᠭᠰᠡᠨ᠎ᠳᠤ ᠣᠷᠤᠰᠢᠨ᠎ᠠ᠃ ᠭᠤᠷᠪᠠᠳᠤᠭ᠋ᠠᠷ ᠳᠡᠰ᠎ᠤᠨ ᠡᠮᠨᠡᠯᠭᠡ ᠵᠢᠨ ᠬᠣᠷᠢᠶ᠎ᠠ ᠵᠢᠨ ᠡᠭᠦᠳᠡᠨ ᠡᠮᠨᠡᠯᠭᠡ ᠵᠢᠨ ᠡᠪᠡᠳᠴᠢᠨ ᠪᠠᠢ᠌ᠴᠠᠭ᠋ᠠᠯᠭ᠋ᠠᠬᠤ ᠵᠠᠷᠤᠳᠠᠯ 2 ᠲᠦᠭᠦᠷᠢᠭ ᠪᠠᠢ᠌ᠭᠰᠠᠨ᠎ᠠᠴᠠ 5 ᠲᠦᠭᠦᠷᠢᠭ ᠪᠣᠯᠭ᠋ᠠᠨ ᠲᠣᠬᠢᠷᠠᠭᠤᠯᠵᠦ᠂ ᠳᠡᠳ᠋ ᠡᠷᠬᠢᠯᠡᠬᠦ ᠡᠮᠴᠢ ᠵᠢᠨ ᠡᠭᠦᠳᠡᠨ ᠡᠮᠨᠡᠯᠭᠡ ᠵᠢᠨ ᠡᠪᠡᠳᠴᠢᠨ ᠪᠠᠢ᠌ᠴᠠᠯᠭ᠋ᠠᠬᠤ ᠵᠠᠷᠤᠳᠠᠯ 3 ᠲᠦᠭᠦᠷᠢᠭ ᠪᠠᠢ᠌ᠭᠰᠠᠨ᠎ᠠᠴᠠ 10 ᠲᠦᠭᠦᠷᠢᠭ ᠪᠣᠯᠭ᠋ᠠᠨ ᠲᠣᠬᠢᠷᠠᠭᠤᠯᠵᠤ᠂ ᠡᠷᠬᠢᠯᠡᠬᠦ ᠡᠮᠴᠢ ᠵᠢᠨ ᠡᠭᠦᠳᠡᠨ ᠡᠮᠨᠡᠯᠭᠡ ᠵᠢᠨ ᠡᠪᠡᠳᠴᠢᠨ ᠪᠠᠢ᠌ᠯᠭ᠋ᠠᠬᠤ ᠵᠠᠷᠤᠳᠠᠯ 4 ᠲᠦᠭᠦᠷᠢᠭ ᠪᠠᠢ᠌ᠭᠰᠠᠨ᠎ᠠᠴᠠ 15 ᠲᠦᠭᠦᠷᠢᠭ ᠪᠣᠯᠭ᠋ᠠᠨ ᠲᠣᠬᠢᠷᠠᠭᠤᠯᠵᠤ᠂ ᠨᠡᠷᠡᠲᠦ ᠲᠤᠰᠬᠠᠢ ᠮᠡᠷᠭᠡᠵᠢᠯᠲᠡᠨ᠎ᠤ ᠡᠭᠦᠳᠡᠨ ᠡᠮᠨᠡᠯᠭᠡ ᠵᠢᠨ ᠡᠪᠡᠳᠴᠢᠨ ᠪᠠᠢ᠌ᠴᠠᠯᠭ᠋ᠠᠬᠤ ᠵᠠᠷᠤᠳᠠᠯ 15 ᠲᠦᠭᠦᠷᠢᠭ ᠪᠠᠢ᠌ᠭᠰᠠᠨ᠎ᠠᠴᠠ 20— 30 ᠲᠦᠭᠦᠷᠢᠭ ᠪᠣᠯᠭ᠋ᠠᠨ ᠲᠣᠬᠢᠷᠠᠭᠤᠯᠵᠤ᠂ ᠳ᠋ᠤᠭ᠋ᠠᠷᠯᠠᠬᠤ ᠵᠠᠷᠤᠳᠠᠯ᠎ᠢ ᠬᠦᠴᠦᠨ ᠦᠭᠡᠢ ᠪᠣᠯᠭ᠋ᠠᠪᠠ᠃ ᠡᠭᠦᠨ᠎ᠤ ᠬᠠᠮᠲᠤ ᠳᠦᠭᠦᠮ ᠡᠭᠦᠳᠡᠨ ᠡᠮᠨᠡᠯᠭᠡ ᠵᠢᠨ ᠵᠠᠷᠤᠳᠠᠯ᠎ᠢ ᠦᠯᠡᠳᠡᠭᠡᠨ᠂ ᠬᠡᠷᠪᠡ ᠵᠦᠪᠬᠡᠨ ᠡᠮ ᠠᠪᠤᠪᠠᠯ᠂ 1 ᠲᠦᠭᠦᠷᠢᠭ᠎ᠤᠨ ᠳᠦᠭᠦᠮ ᠡᠭᠦᠳᠡᠨ ᠡᠮᠨᠡᠯᠭᠡ ᠵᠢᠨ ᠵᠠᠷᠤᠳᠠᠯ ᠲᠤᠰᠢᠶᠠᠭᠰᠠᠭ᠋ᠠᠷ ᠪᠣᠯᠴᠢᠬᠠᠨ᠎ᠠ᠃ ᠡᠢ᠌ᠮᠦᠷᠬᠦ ᠲᠣᠬᠢᠷᠠᠭᠤᠯᠤᠯᠲᠠ᠎ᠨᠢ ᠭᠣᠣᠯᠳᠠᠭᠤ ᠡᠮ ᠡᠮᠨᠡᠯᠭᠡ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠷᠲᠡᠭ᠎ᠢ ᠭᠦᠢ᠍ᠴᠡᠳ ᠢᠯᠡᠷᠡᠭᠦᠯᠵᠤ᠂ ᠡᠮ ᠡᠮᠨᠡᠯᠭᠡ ᠵᠢᠨ ᠮᠡᠷᠭᠡᠵᠢᠯᠲᠡᠨ᠎ᠤ ᠢᠳᠡᠪᠬᠢᠵᠢᠯ᠎ᠢ ᠳᠠᠢ᠌ᠴᠢᠯᠠᠬᠤ ᠵᠢ ᠪᠣᠳᠤᠯᠬᠢᠯᠠᠪᠠ; ᠡᠭᠦᠨ᠎ᠤ ᠬᠠᠮᠲᠤ᠂ ᠣᠨᠣᠰᠢᠯᠠᠨ ᠡᠮᠨᠡᠬᠦ ᠵᠠᠷᠤᠳᠠᠯ᠎ᠤᠨ ᠪᠠᠷᠢᠮᠵᠢᠶ᠎ᠠ ᠵᠢ ᠳᠡᠭᠡᠭᠰᠢᠯᠡᠭᠦᠯᠬᠦ᠎ᠨᠢ ᠮᠦᠨ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ᠎ᠢ ᠪᠠᠢ᠌ᠭᠤᠯᠬᠤ᠎ᠳᠤ ᠠᠰᠢᠭᠲᠠᠢ ᠪᠠᠢ᠌ᠵᠤ᠂ ᠡᠪᠡᠳᠴᠢᠲᠡᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠰᠠᠯᠭ᠋ᠠᠨ ᠡᠮᠴᠢᠯᠡᠭᠦᠯᠦᠨ᠎ᠡ᠃
      ᠡᠮᠴᠢᠯᠡᠭᠡ ᠵᠢᠨ ᠮᠡᠰᠡ ᠵᠠᠰᠠᠯ᠎ᠤᠨ ᠵᠠᠷᠤᠳᠠᠯ ᠭᠡᠳᠡᠭ ᠪᠣᠯ ᠮᠡᠰᠡ ᠵᠠᠰᠠᠯ᠎ᠤᠨ ᠠᠵᠢᠯᠯᠠᠭ᠎ᠠ ᠵᠢᠨ ᠵᠠᠷᠤᠳᠠᠯ᠎ᠢ ᠵᠢᠭ᠋ᠠᠵᠤ ᠪᠣᠢ᠂ ᠡᠮᠴᠢ ᠵᠢᠨ ᠴᠣᠯᠤ ᠮᠡᠷᠭᠡᠵᠢᠯ᠎ᠤᠨ ᠦᠨ᠎ᠡ ᠦᠷᠲᠡᠭ᠎ᠤᠨ ᠢᠯᠡᠷᠡᠯ ᠪᠣᠯᠤᠨ᠎ᠠ᠃ 60%᠎ᠪᠠᠷ ᠳᠡᠭᠡᠭᠰᠢᠯᠡᠭᠦᠯᠦᠭᠰᠡᠨ᠎ᠤ ᠭᠣᠣᠯ ᠰᠢᠯᠲᠠᠭ᠋ᠠᠨ ᠪᠣᠯ ᠮᠠᠨ᠎ᠤ ᠤᠷᠤᠨ᠎ᠤ 2004 ᠣᠨ᠎ᠳᠤ ᠬᠡᠪᠯᠡᠭᠰᠡᠨ ᠮᠡᠰᠡ ᠵᠠᠰᠠᠯ᠎ᠤᠨ ᠵᠠᠷᠤᠳᠠᠯ᠎ᠨᠢ ᠨᠡᠯᠢᠶᠡᠳ ᠳᠣᠣᠷ᠎ᠠ ᠪᠠᠢ᠌ᠵᠤ᠂ ᠪᠦᠬᠦ ᠤᠯᠤᠰ᠎ᠤᠨ ᠳᠤᠮᠳᠠᠴᠢ ᠲᠥᠪᠰᠢᠨ᠎ᠠᠴᠠ ᠳᠣᠣᠷ᠎ᠠ ᠪᠠᠢ᠌ᠳᠠᠭ᠃ ᠵᠢᠱ᠌ᠢᠶᠡᠯᠡᠪᠡᠯ ᠮᠤᠬᠤᠷ ᠣᠯᠣᠭ᠋ᠠᠶ ᠵᠢ ᠣᠭᠲᠣᠯᠵᠤ ᠠᠪᠬᠤ ᠵᠠᠰᠠᠯ᠎ᠤᠨ ᠣᠳᠣᠬᠢ ᠬᠡᠷᠡᠭᠵᠢᠭᠦᠯᠵᠦ ᠪᠠᠢ᠌ᠭ᠎ᠠ ᠤᠳᠠᠭ᠎ᠠ ᠪᠦᠷᠢ 270 ᠲᠦᠭᠦᠷᠢᠭ᠂ ᠭᠡᠲᠡᠯ᠎ᠡ ᠪᠦᠬᠦ ᠤᠯᠤᠰ᠎ᠤᠨ ᠳᠤᠮᠳᠠᠴᠢ ᠦᠨ᠎ᠡ᠎ᠨᠢ 500 ᠭᠠᠷᠤᠢ ᠲᠦᠭᠦᠷᠢᠭ ᠪᠣᠯᠤᠨ᠎ᠠ᠃ ᠨᠢᠭᠡᠨ ᠤᠳᠠᠭ᠎ᠠ ᠵᠢᠨ ᠮᠤᠬᠤᠷ ᠣᠯᠤᠭ᠋ᠠᠢ ᠵᠢᠨ ᠮᠡᠰᠡ ᠵᠠᠰᠠᠯ᠎ᠳᠤ ᠣᠷᠤᠯᠴᠠᠬᠤ ᠡᠮᠴᠢ ᠰᠣᠪᠢᠯᠠᠭᠴᠢ᠎ᠨᠢ 3 —4 ᠬᠦᠮᠦᠨ᠂ 1.5᠎ᠠᠴᠠ 2 ᠴᠠᠭ᠎ᠤᠨ ᠬᠤᠭᠤᠴᠠᠭ᠎ᠠ ᠵᠠᠷᠤᠴᠠᠭᠤᠯᠤᠭ᠋ᠠᠳ᠂ ᠵᠦᠪᠬᠡᠨ 270 ᠲᠦᠭᠦᠷᠢᠭ᠎ᠤᠨ ᠵᠠᠷᠤᠳᠠᠯ ᠬᠤᠷᠢᠶᠠᠬᠤ᠎ᠨᠢ᠂ ᠦᠨ᠎ᠡ ᠦᠷᠲᠡᠭ᠎ᠠᠴᠠ ᠬᠡᠳᠦ ᠬᠣᠯᠠᠳᠠᠨ᠎ᠠ᠃ ᠡᠢ᠌ᠮᠦ᠎ᠠᠴᠠ ᠪᠢᠳᠡ ᠮᠡᠰᠡ ᠵᠠᠰᠠᠯ᠎ᠤᠨ ᠵᠠᠷᠤᠳᠠᠯ ᠵᠡᠷᠭᠡ᠂ ᠦᠨ᠎ᠡ ᠬᠠᠩᠰᠢ᠎ᠨᠢ ᠦᠨᠡᠬᠡᠷ ᠳᠣᠣᠷ᠎ᠠ ᠪᠠᠢ᠌ᠬᠤ ᠲᠦᠷᠦᠯ ᠵᠦᠢ᠍ᠯ᠎ᠤᠨ ᠦᠨ᠎ᠡ ᠬᠠᠩᠰᠢ᠎ᠳᠤ ᠶᠡᠬᠡ ᠬᠡᠮᠵᠢᠶᠡᠨ᠎ᠤ ᠲᠣᠬᠢᠷᠠᠭᠤᠯᠤᠯᠲᠠ ᠬᠢᠪᠡ᠂ ᠳᠠᠷᠤᠢ ᠡᠮᠨᠡᠯᠭᠡ ᠵᠢᠨ ᠠᠵᠢᠯᠲᠠᠳ᠎ᠤᠨ ᠬᠦᠳᠡᠯᠮᠦᠷᠢ ᠦᠢ᠍ᠯᠡᠴᠢᠯᠡᠭᠡᠨ᠎ᠤ ᠮᠡᠷᠭᠡᠵᠢᠯ᠎ᠤᠨ ᠦᠨ᠎ᠡ ᠦᠷᠲᠡᠭ᠎ᠢ ᠨᠡᠩ ᠰᠠᠢ᠌ᠨ ᠬᠠᠷᠠᠭᠤᠯᠵᠤ᠂ ᠡᠮᠨᠡᠯᠭᠡ ᠵᠢᠨ ᠠᠵᠢᠯᠲᠠᠳ᠎ᠢ ᠨᠡᠩ ᠰᠠᠢ᠌ᠨ ᠰᠡᠳᠭᠢᠯ ᠲᠦᠪᠯᠡᠷᠡᠭᠦᠯᠦᠨ ᠡᠪᠡᠳᠴᠢᠲᠡᠨ᠎ᠳᠤ ᠦᠢ᠍ᠯᠡᠴᠢᠯᠡᠭᠦᠯᠦᠨ᠎ᠡ᠃
      ᠸᠠᠩ ᠵᠢᠨ ᠪᠤᠣ᠄
      ᠮᠠᠨ᠎ᠤ ᠲᠣᠬᠢᠷᠠᠭᠤᠯᠤᠯᠲᠠ ᠳᠤᠮᠳᠠᠬᠢ ᠳᠣᠷᠤᠭᠰᠢᠯᠠᠭᠤᠯᠤᠭᠰᠠᠨ ᠬᠡᠰᠡᠭ᠎ᠨᠢ᠂ ᠵᠢᠱ᠌ᠢᠶᠡᠯᠡᠪᠡᠯ ᠢᠮᠡᠭᠧ ᠰᠡᠭᠦᠳᠡᠷ᠎ᠤᠨ ᠲᠦᠷᠦᠯ᠎ᠤᠨ ᠪᠠᠢ᠌ᠴᠠᠭ᠋ᠠᠯᠲᠠ (ᠲᠣᠮᠣ ᠬᠡᠯᠪᠡᠷᠢ ᠵᠢᠨ ᠲᠥᠬᠥᠭᠡᠷᠦᠮᠵᠢ ᠵᠢᠨ ᠰᠣᠷᠢᠨᠵᠢᠨ᠂ CT ᠪᠠᠢ᠌ᠴᠠᠭ᠋ᠠᠯᠲᠠ ᠪᠠ ᠪᠤᠳᠤᠭᠲᠤ ᠳ᠋ᠣᠫᠯᠧᠷ ᠪᠠᠢ᠌ᠴᠠᠭ᠋ᠠᠯᠲᠠ ᠵᠢ ᠪᠠᠭᠲᠠᠭ᠋ᠠᠨ᠎ᠠ) ᠵᠢᠨ ᠤᠳᠠᠭ᠎ᠠ ᠪᠦᠷᠢ ᠳᠤᠮᠳᠠᠴᠢ᠎ᠪᠠᠷ 15% ᠵᠢᠨ ᠬᠡᠮᠵᠢᠶ᠎ᠡ᠎ᠪᠠᠷ ᠳᠣᠷᠤᠭᠰᠢᠯᠠᠭᠤᠯᠵᠤ᠂ ᠰᠣᠷᠢᠨᠵᠢᠨ ᠪᠠᠢ᠌ᠴᠠᠭ᠋ᠠᠯᠲᠠ᠎ᠨᠢ 950 ᠲᠦᠭᠦᠷᠢᠭ ᠪᠠᠢ᠌ᠭᠰᠠᠨ᠎ᠢ ᠳᠣᠷᠤᠭᠰᠢᠯᠠᠭᠤᠯᠤᠭ᠋ᠠᠳ 750 ᠲᠦᠭᠦᠷᠢᠭ ᠪᠣᠯᠭ᠋ᠠᠵᠤ᠂ ᠳᠣᠷᠤᠭᠰᠢᠯᠠᠭᠤᠯᠤᠭᠰᠠᠨ ᠬᠡᠮᠵᠢᠶ᠎ᠡ᠎ᠨᠢ 21% ᠪᠣᠯᠤᠨ᠎ᠠ; ᠲᠣᠯᠤᠭ᠋ᠠᠢ ᠵᠢᠨ ᠬᠡᠰᠡᠭ᠎ᠤᠨ CT ᠪᠠᠢ᠌ᠴᠠᠭ᠋ᠠᠯᠲᠠ᠎ᠨᠢ 320 ᠲᠦᠭᠦᠷᠢᠭ ᠪᠠᠢ᠌ᠭᠰᠠᠨ᠎ᠢ ᠳᠣᠷᠤᠭᠰᠢᠯᠠᠭᠤᠯᠤᠭ᠋ᠠᠳ 260 ᠲᠦᠭᠦᠷᠢᠭ ᠪᠣᠯᠭ᠋ᠠᠵᠤ᠂ ᠳᠣᠷᠤᠭᠰᠢᠯᠠᠭᠤᠯᠤᠭᠰᠠᠨ ᠬᠡᠮᠵᠢᠶ᠎ᠡ᠎ᠨᠢ 18% ᠪᠣᠯᠤᠨ᠎ᠠ; ᠪᠤᠳᠤᠭᠲᠤ ᠳ᠋ᠣᠫᠯᠧᠷ ᠬᠡᠪ᠎ᠤᠨ ᠪᠠᠢ᠌ᠴᠠᠭ᠋ᠠᠯᠲᠠ᠎ᠨᠢ 120 ᠲᠦᠭᠦᠷᠢᠭ ᠪᠠᠢ᠌ᠭᠰᠠᠨ᠎ᠢ ᠳᠣᠷᠤᠭᠰᠢᠯᠠᠭᠤᠯᠤᠭ᠋ᠠᠳ 110 ᠲᠦᠭᠦᠷᠢᠭ ᠪᠣᠯᠭ᠋ᠠᠵᠤ᠂ ᠳᠣᠷᠤᠭᠰᠢᠯᠠᠭᠤᠯᠤᠭᠰᠠᠨ ᠬᠡᠮᠵᠢᠶ᠎ᠡ᠎ᠨᠢ 8% ᠪᠣᠯᠤᠨ᠎ᠠ᠃ ᠵᠢᠱ᠌ᠢᠶᠡᠯᠡᠪᠡᠯ ᠰᠢᠯᠭ᠋ᠠᠨ ᠪᠠᠢ᠌ᠴᠠᠭ᠋ᠠᠬᠤ ᠲᠦᠷᠦᠯ ᠵᠦᠢ᠍ᠯ᠎ᠤᠨ ᠳᠤᠮᠳᠠᠴᠢ ᠳᠣᠷᠤᠭᠰᠢᠯᠠᠭᠤᠯᠤᠭᠰᠠᠨ ᠬᠡᠮᠵᠢᠶ᠎ᠡ᠎ᠨᠢ 10% ᠪᠠᠢ᠌ᠵᠤ᠂ ᠦᠷᠭᠦᠯᠵᠢ ᠬᠡᠷᠡᠭᠯᠡᠳᠡᠭ ᠬᠠᠯᠳᠠᠪᠤᠷᠢᠲᠤ ᠵᠢᠨ ᠳᠥᠷᠪᠡᠨ ᠵᠦᠢ᠍ᠯ᠎ᠨᠢ 320 ᠲᠦᠭᠦᠷᠢᠭ ᠪᠠᠢ᠌ᠭᠰᠠᠨ᠎ᠢ ᠳᠣᠷᠤᠭᠰᠢᠯᠠᠭᠤᠯᠤᠭ᠋ᠠᠳ 270 ᠲᠦᠭᠦᠷᠢᠭ ᠪᠣᠯᠭ᠋ᠠᠵᠤ᠂ ᠳᠣᠷᠤᠭᠰᠢᠯᠠᠭᠤᠯᠤᠭᠰᠠᠨ ᠬᠡᠮᠵᠢᠶ᠎ᠡ᠎ᠨᠢ 15.6% ᠪᠣᠯᠤᠨ᠎ᠠ᠂ ᠴᠢᠰᠤ ᠪᠠᠶ᠋ᠢᠴᠠᠭ᠋ᠠᠬᠤ ᠬᠡᠪ᠎ᠤᠨ ᠭᠤᠷᠪᠠᠨ ᠲᠦᠷᠦᠯ᠎ᠤᠨ ᠪᠠᠢ᠌ᠴᠠᠭ᠋ᠠᠯᠲᠠ᠎ᠨᠢ 18 ᠲᠦᠭᠦᠷᠢᠭ ᠪᠠᠢ᠌ᠭᠰᠠᠨ᠎ᠢ ᠳᠣᠷᠤᠭᠰᠢᠯᠠᠭᠤᠯᠤᠭ᠋ᠠᠳ 15 ᠲᠦᠭᠦᠷᠢᠭ ᠪᠣᠯᠭ᠋ᠠᠵᠤ᠂ ᠲᠠᠪᠤᠨ ᠲᠦᠷᠦᠯ᠎ᠤᠨ ᠪᠠᠢ᠌ᠴᠠᠭ᠋ᠠᠯᠲᠠ᠎ᠨᠢ 30 ᠲᠦᠭᠦᠷᠢᠭ ᠪᠠᠢ᠌ᠭᠰᠠᠨ᠎ᠢ ᠳᠣᠷᠤᠭᠰᠢᠯᠠᠭᠤᠯᠤᠭ᠋ᠠᠳ 25 ᠲᠦᠭᠦᠷᠢᠭ ᠪᠣᠯᠭ᠋ᠠᠵᠤ᠂ ᠳᠣᠷᠤᠭᠰᠢᠯᠠᠭᠤᠯᠤᠭᠰᠠᠨ ᠬᠡᠮᠵᠢᠶ᠎ᠡ᠎ᠨᠢ 16.6% ᠪᠣᠯᠤᠨ᠎ᠠ᠂ ᠡᠯ᠎ᠡ ᠲᠦᠷᠦᠯ᠎ᠤᠨ ᠰᠢᠬᠢᠷ᠎ᠤᠨ ᠲᠦᠷᠦᠯ᠎ᠤᠨ ᠥᠳᠥᠭᠡᠭᠴᠢ ᠵᠢᠨ ᠬᠡᠮᠵᠢᠯᠲᠡ᠎ᠨᠢ 95 ᠲᠦᠭᠦᠷᠢᠭ ᠪᠠᠢ᠌ᠭᠰᠠᠨ᠎ᠢ ᠳᠣᠷᠤᠭᠰᠢᠯᠠᠭᠤᠯᠤᠭ᠋ᠠᠳ 90 ᠲᠦᠭᠦᠷᠢᠭ ᠪᠣᠯᠭ᠋ᠠᠵᠤ᠂ ᠳᠣᠷᠤᠭᠰᠢᠯᠠᠭᠤᠯᠤᠭᠰᠠᠨ ᠬᠡᠮᠵᠢᠶ᠎ᠡ᠎ᠨᠢ 5.2% ᠪᠣᠯᠤᠨ᠎ᠠ᠃
      ᠬᠡᠳᠦᠢ᠌ᠪᠡᠷ ᠶᠡᠷᠦᠩᠬᠡᠢ᠌ᠯᠡᠭᠰᠡᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠦᠷᠦᠯ ᠪᠠ ᠮᠡᠰᠡ ᠵᠠᠰᠠᠯ᠎ᠤᠨ ᠲᠦᠷᠦᠯ᠎ᠤᠨ ᠳᠡᠭᠡᠭᠰᠢᠯᠡᠭᠦᠯᠦᠭᠰᠡᠨ ᠬᠡᠮᠵᠢᠶ᠎ᠡ᠎ᠨᠢ ᠶᠡᠬᠡ ᠪᠣᠯᠪᠠᠴᠤ᠂ ᠣᠷᠤᠯᠭ᠎ᠠ ᠵᠢᠨ ᠶᠡᠷᠦᠩᠬᠡᠢ ᠬᠡᠮᠵᠢᠶ᠎ᠡ᠎ᠨᠢ ᠡᠮ ᠡᠮᠨᠡᠯᠭᠡ ᠵᠢᠨ ᠪᠠᠢ᠌ᠭᠤᠯᠤᠮᠵᠢ ᠵᠢᠨ ᠣᠷᠤᠯᠭ᠎ᠠ ᠵᠢᠨ ᠶᠡᠷᠦᠩᠬᠡᠢ ᠬᠡᠮᠵᠢᠶᠡᠨ᠎ᠤ 8.1% ᠪᠠ 3.5% ᠡᠵᠡᠯᠡᠵᠦ᠂ ᠢᠮᠡᠭᠧ ᠰᠡᠭᠦᠳᠡᠷ᠎ᠤᠨ ᠪᠠᠢ᠌ᠴᠠᠭ᠋ᠠᠬᠤ ᠲᠦᠷᠦᠯ ᠪᠠ ᠰᠢᠯᠭ᠋ᠠᠨ ᠪᠠᠢ᠌ᠴᠠᠭ᠋ᠠᠬᠤ ᠲᠦᠷᠦᠯ᠎ᠤᠨ ᠳᠣᠷᠤᠭᠰᠢᠯᠠᠭᠤᠯᠤᠭᠰᠠᠨ ᠬᠡᠮᠵᠢᠶ᠎ᠡ᠎ᠨᠢ ᠨᠡᠯᠢᠶᠡᠳ ᠪᠠᠭ᠎ᠠ᠂ ᠭᠡᠪᠡᠴᠦ ᠣᠷᠤᠯᠭ᠎ᠠ ᠵᠢᠨ ᠶᠡᠷᠦᠩᠬᠡᠢ ᠬᠡᠮᠵᠢᠶ᠎ᠡ᠎ᠨᠢ ᠡᠮ ᠡᠮᠨᠡᠯᠭᠡ ᠵᠢᠨ ᠪᠠᠢ᠌ᠭᠤᠯᠤᠮᠵᠢ ᠵᠢᠨ ᠣᠷᠤᠯᠭ᠎ᠠ ᠵᠢᠨ ᠶᠡᠷᠦᠩᠬᠡᠢ ᠬᠡᠮᠵᠢᠶᠡᠨ᠎ᠤ 13.29% ᠪᠠ 11.15% ᠵᠢ ᠡᠵᠡᠯᠡᠬᠦ ᠮᠦᠷᠲᠡᠭᠡᠨ ᠢᠮᠡᠭᠧ ᠰᠡᠭᠦᠳᠡᠷ᠎ᠤᠨ ᠪᠠᠢ᠌ᠴᠠᠭ᠋ᠠᠬᠤ ᠲᠦᠷᠦᠯ ᠪᠠ ᠰᠢᠯᠭ᠋ᠠᠨ ᠪᠠᠢ᠌ᠴᠠᠭ᠋ᠠᠬᠤ ᠲᠦᠷᠦᠯ ᠵᠦᠢ᠍ᠯ᠎ᠨᠢ ᠪᠠᠷᠤᠭ ᠯᠠ ᠡᠭᠦᠳᠡᠨ ᠡᠮᠨᠡᠯᠭᠡ ᠪᠠ ᠡᠮᠨᠡᠯᠭᠡ᠎ᠳᠤ ᠰᠠᠭᠤᠬᠤ ᠡᠪᠡᠳᠴᠢᠲᠡᠨ ᠨᠢᠭᠡᠪᠦᠷᠢ᠎ᠳᠤ ᠬᠣᠯᠪᠣᠭᠳᠠᠬᠤ ᠲᠦᠷᠦᠯ ᠵᠦᠢ᠍ᠯ ᠮᠦᠨ᠂ ᠬᠠᠷᠢᠨ ᠮᠡᠰᠡ ᠵᠠᠰᠠᠯ᠎ᠤᠨ ᠲᠦᠷᠦᠯ᠎ᠤᠨ ᠡᠮᠴᠢᠯᠡᠭᠡ ᠪᠣᠯ ᠨᠢᠭᠡ ᠬᠡᠰᠡᠭ ᠡᠪᠡᠳᠴᠢᠲᠡᠨ᠎ᠳᠤ ᠬᠣᠯᠪᠤᠭᠳᠠᠬᠤ ᠲᠦᠷᠦᠯ ᠵᠦᠢ᠍ᠯ ᠮᠦᠨ᠂ ᠡᠢ᠌ᠮᠦ᠎ᠠᠴᠠ ᠨᠡᠮᠡᠵᠦ ᠬᠠᠰᠤᠭᠰᠠᠨ ᠬᠡᠮᠵᠢᠶ᠎ᠡ᠎ᠨᠢ ᠶᠡᠷᠦᠩᠬᠡᠢ᠎ᠳᠡᠭᠡᠨ ᠲᠡᠩᠴᠡᠭᠦᠷᠢᠲᠡᠢ ᠪᠣᠯᠤᠨ᠎ᠠ᠃
      ᠸᠠᠩ ᠵᠢᠨ ᠪᠣᠣ᠄
      ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶᠠᠨ᠎ᠤ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠡᠮ᠎ᠤᠨ ᠵᠦᠢ᠍ᠯ᠎ᠤᠨ ᠨᠡᠮᠡᠯᠲᠡ ᠦᠨ᠎ᠡ ᠵᠢ ᠬᠦᠴᠦᠨ ᠦᠭᠡᠶ ᠪᠣᠯᠭ᠋ᠠᠬᠤ ᠵᠣᠷᠢᠯᠭ᠎ᠠ ᠪᠣᠯ ᠡᠮ᠎ᠤᠨ ᠣᠷᠣᠯᠭ᠎ᠠ᠎ᠪᠠᠷ ᠡᠮᠨᠡᠯᠭᠡ ᠵᠢᠨ ᠬᠣᠷᠢᠶ᠎ᠠ ᠵᠢ ᠲᠡᠵᠢᠭᠡᠬᠦ ᠲᠣᠭᠲᠠᠴᠠ ᠵᠢ ᠡᠪᠳᠡᠵᠦ᠂ ᠡᠮᠨᠡᠯᠭᠡ ᠵᠢᠨ ᠬᠣᠷᠢᠶᠠᠨ᠎ᠤ ᠦᠢ᠍ᠯᠡᠴᠢᠯᠡᠭᠡᠨ᠎ᠤ ᠴᠢᠳᠠᠮᠵᠢ ᠵᠢ ᠰᠡᠷᠭᠦᠭᠡᠨ᠂ ᠡᠮᠨᠡᠯᠭᠡ ᠵᠢᠨ ᠠᠵᠢᠯᠲᠠᠳ᠎ᠤᠨ ᠮᠡᠷᠭᠡᠵᠢᠯ ᠬᠦᠴᠦ ᠬᠥᠳᠡᠯᠮᠦᠷᠢ ᠵᠢᠨ ᠦᠷᠳᠡᠭ᠎ᠢ ᠢᠯᠡᠷᠡᠭᠦᠯᠵᠦ᠂ ᠡᠮᠴᠢ ᠵᠢ ᠡᠮ᠎ᠤᠨ ᠵᠦᠢ᠍ᠯ ᠪᠣᠯᠣᠨ ᠬᠣᠷᠣᠭᠳᠠᠬᠣ ᠮᠠᠲᠸᠷᠢᠶᠠᠯ᠎ᠤᠨ ᠬᠦᠴᠦ ᠶᠠᠪᠤᠭᠴᠢ ᠪᠣᠯᠭ᠋ᠠᠬᠤ ᠦᠭᠡᠢ ᠵᠢᠨ ᠲᠥᠯᠦᠭᠡ ᠶᠤᠮ᠃
      ᠦᠨ᠎ᠡ ᠬᠠᠩᠰᠢ ᠵᠢ ᠲᠣᠬᠢᠷᠠᠭᠤᠯᠤᠭᠰᠠᠨ᠎ᠤ ᠲᠠᠷᠠᠭ᠎ᠠ᠂ ᠬᠡᠷᠪᠡ ᠡᠮ ᠡᠮᠨᠡᠯᠭᠡ ᠵᠢᠨ ᠦᠢ᠍ᠯᠡᠴᠢᠯᠡᠭᠡ ᠪᠣᠯᠣᠨ ᠵᠠᠷᠤᠳᠠᠯ ᠬᠤᠷᠢᠶᠠᠬᠤ ᠲᠠᠯ᠎ᠠ᠎ᠪᠠᠷ ᠵᠢᠭᠤᠷᠠᠯᠳᠤᠭ᠋ᠠᠨ ᠭᠠᠷᠪᠠᠯ᠂ ᠪᠢᠳᠡ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠵᠢ ᠲᠤᠷᠰᠢᠨ ᠬᠡᠷᠡᠭᠵᠢᠭᠦᠯᠬᠦ ᠠᠵᠢᠯ᠎ᠢ ᠳᠥᠯᠭᠢᠨ ᠠᠬᠢᠭᠤᠯᠬᠤ ᠳᠤᠭᠤᠶ᠋ᠢᠯᠠᠩ᠎ᠤᠨ ᠲᠣᠭᠲᠠᠭ᠋ᠠᠭᠰᠠᠨ ᠠᠵᠢᠯ᠎ᠤᠨ ᠬᠤᠪᠢᠶᠠᠷᠢᠯᠠᠯ᠎ᠤᠨ ᠬᠠᠷᠢᠭᠤᠴᠠᠯᠭ᠎ᠠ ᠶᠣᠰᠣᠭ᠋ᠠᠷ᠂ ᠬᠣᠯᠪᠣᠭᠳᠠᠯ ᠪᠦᠬᠦᠢ ᠠᠰᠠᠭᠤᠳᠠᠯ᠎ᠢ ᠴᠠᠭ ᠲᠤᠬᠠᠶ᠎ᠳᠤᠨᠢ ᠠᠷᠭ᠋ᠠᠴᠠᠬᠤ ᠪᠣᠯᠣᠨ᠎ᠠ᠃ ᠲᠤᠷᠰᠢᠨ ᠬᠡᠷᠡᠭᠵᠢᠭᠦᠯᠦᠭᠰᠡᠨ ᠪᠠᠶ᠋ᠢᠳᠠᠯ ᠵᠶ᠋ᠠᠷ ᠳᠠᠮᠵᠢᠭᠤᠯᠤᠨ᠂ ᠦᠨ᠎ᠡ ᠬᠠᠩᠰᠢ ᠵᠢᠨ ᠵᠥᠷᠢᠶ᠎ᠡ ᠪᠤᠶᠤ ᠦᠨ᠎ᠡ ᠬᠠᠩᠰᠢ ᠵᠢᠨ ᠵᠥᠷᠢᠴᠡᠯ ᠢᠯᠡᠷᠡᠭᠰᠡᠨ ᠠᠰᠠᠭᠤᠳᠠᠯ᠎ᠳᠤ ᠴᠠᠭ ᠲᠤᠬᠠᠶ᠎ᠳᠤᠨᠢ ᠬᠥᠳᠡᠯᠦᠩᠭᠦᠶ ᠲᠤᠬᠢᠷᠠᠭᠤᠯᠤᠯᠳᠠ ᠬᠢᠬᠦ ᠪᠣᠯᠣᠨ᠎ᠠ᠃
      ᠬᠥᠲᠥᠯᠥᠭᠴᠢ᠄
      ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠵᠢᠷᠤᠮᠵᠢᠭᠤᠯᠤᠨ ᠲᠣᠬᠢᠷᠠᠭᠤᠯᠤᠭᠰᠠᠨ᠎ᠤ ᠳᠠᠷᠠᠭ᠎ᠠ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠶᠠᠮᠠᠷ ᠨᠥᠯᠥᠭᠡ᠎ᠲᠠᠢ ᠪᠤᠢ?  
      ᠸᠠᠩ ᠵᠢᠨ ᠪᠣᠣ᠄
      ᠲᠤᠰ ᠤᠳᠠᠭ᠎ᠠ ᠵᠢᠨ ᠦᠨ᠎ᠡ ᠬᠠᠩᠰᠢ ᠵᠢᠨ ᠲᠤᠬᠢᠷᠠᠭᠤᠯᠤᠯᠳᠠ᠎ᠨᠢ ᠶᠡᠷᠦᠩᠬᠡᠶ ᠲᠥᠯᠥᠪᠯᠡᠭᠡ ᠳᠡᠭᠡᠷ᠎ᠡ᠎ᠪᠠᠨ ᠡᠮᠨᠡᠯᠭᠡ ᠵᠢᠨ ᠬᠤᠷᠢᠶᠠᠨ᠎ᠤ ᠣᠷᠣᠯᠭ᠎ᠠ ᠵᠢᠨ ᠶᠡᠷᠦᠩᠬᠡᠶ ᠨᠡᠮᠡᠭᠳᠡᠯ᠎ᠤᠨ 5%᠎ᠪᠠᠷ ᠵᠢᠱ᠌ᠢᠨ ᠪᠣᠳᠣᠪᠠ᠃ ᠨᠢᠭᠡ᠎ᠳᠤ᠂ ᠲᠤᠬᠢᠷᠠᠭᠤᠯᠤᠯᠳᠠ ᠬᠢᠬᠦ᠎ᠪᠠᠷ ᠳᠠᠮᠵᠢᠭᠤᠯᠤᠨ᠂ ᠮᠠᠨ᠎ᠤ ᠣᠷᠣᠨ᠎ᠤ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠨᠭ᠌ᠰᠢ ᠵᠢᠨ ᠪᠦᠲᠦᠴᠡ ᠵᠢᠨ ᠪᠠᠷᠢᠮᠵᠢᠶ᠎ᠠ᠎ᠨᠢ ᠡᠷᠬᠢᠨ ᠲᠣᠭᠣᠷᠢᠨ᠎ᠤ ᠮᠤᠵᠢ ᠣᠷᠣᠨ᠎ᠲᠠᠢ ᠬᠠᠷᠢᠴᠠᠭᠤᠯᠪᠠᠯ ᠶᠡᠷᠦᠩᠬᠡᠶ᠎ᠳᠡᠭᠡᠨ ᠳᠣᠣᠷ᠎ᠠ ᠪᠠᠶ᠋ᠢᠬᠤ ᠣᠳᠣᠬᠢ ᠪᠠᠶ᠋ᠢᠳᠠᠯ᠎ᠢ ᠬᠤᠪᠢᠷᠠᠭᠤᠯᠤᠨ᠎ᠠ; ᠬᠣᠶᠠᠷ᠎ᠲᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠥᠭᠡᠷᠡᠴᠢᠯᠡᠯᠲᠡ᠎ᠲᠠᠢ ᠬᠠᠮᠵᠢᠯᠴᠠᠨ᠂ ᠡᠮ᠎ᠤᠨ ᠵᠦᠢ᠍ᠯ᠎ᠤᠨ ᠨᠡᠮᠡᠯᠲᠡ ᠦᠨ᠎ᠡ ᠵᠢ ᠬᠦᠴᠦᠨ ᠦᠭᠡᠶ ᠪᠣᠯᠭ᠋ᠠᠭᠰᠠᠨ᠎ᠤ ᠲᠠᠷᠠᠭ᠎ᠠ᠂ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠵᠢ ᠲᠣᠬᠢᠷᠠᠭᠤᠯᠬᠤ᠎ᠪᠠᠷ ᠳᠠᠮᠵᠢᠭᠤᠯᠤᠨ ᠨᠥᠬᠥᠪᠥᠷᠢ ᠣᠯᠭᠣᠨ᠎ᠠ᠃ ᠮᠠᠨ᠎ᠤ ᠣᠷᠣᠨ᠎ᠤ 2014 ᠣᠨ᠎ᠤ ᠪᠥᠬᠥ ᠣᠷᠣᠨ᠎ᠤ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠮᠴᠢᠯᠡᠭᠡᠨ᠎ᠤ ᠣᠷᠣᠯᠭ᠎ᠠ᠎ᠪᠠᠷ ᠰᠠᠭᠤᠷᠢ ᠲᠣᠭ᠎ᠠ ᠪᠣᠯᠭ᠋ᠠᠵᠤ ᠵᠢᠱ᠌ᠢᠨ ᠪᠣᠳᠣᠪᠠᠯ᠂ ᠲᠤᠰ ᠤᠳᠠᠭ᠋ᠠᠨ᠎ᠤ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠲᠣᠬᠢᠷᠠᠭᠤᠯᠤᠭᠰᠠᠨ᠎ᠤ ᠲᠠᠷᠠᠭ᠎ᠠ᠂ ᠪᠦᠬᠦ ᠣᠷᠣᠨ᠎ᠤ ᠡᠯ᠎ᠡ ᠱᠠᠲᠤᠨ᠎ᠤ ᠡᠮ ᠡᠮᠨᠡᠯᠭᠡ ᠵᠢᠨ ᠪᠠᠶ᠋ᠢᠭᠤᠯᠤᠮᠵᠢ᠎ᠨᠤᠭᠤᠳ᠎ᠤᠨ 15.35 ᠳ᠋ᠥᠨᠭᠰᠢᠭᠤᠷ ᠲᠥᠭᠥᠷᠢᠭ ᠪᠣᠯᠣᠨ ᠨᠡᠮᠡᠭᠳᠡᠵᠦ ᠮᠡᠳᠡᠨ᠎ᠡ᠂ ᠡᠮ᠎ᠤᠨ ᠵᠦᠢ᠍ᠯ᠎ᠤᠨ ᠨᠡᠮᠡᠯᠲᠡ ᠦᠨ᠎ᠡ ᠵᠢ ᠬᠦᠴᠦᠨ ᠦᠭᠡᠶ ᠪᠣᠯᠭ᠋ᠠᠪᠠᠯ 13.58 ᠳ᠋ᠦᠨᠭᠰᠢᠭᠤᠷ ᠲᠥᠭᠥᠷᠢᠭ᠎ᠤᠨ ᠣᠷᠣᠯᠭ᠎ᠠ ᠵᠢ ᠬᠠᠰᠤᠭᠳᠠᠭᠤᠯᠵᠤ᠂ ᠡᠮ ᠡᠮᠨᠡᠯᠭᠡ ᠵᠢᠨ ᠣᠷᠣᠯᠭ᠎ᠠ ᠵᠢᠨ ᠪᠣᠳᠠᠲᠠᠶ ᠨᠡᠮᠡᠭᠳᠡᠯ᠎ᠨᠢ 1.77 ᠳ᠋ᠦᠩᠰᠢᠭᠤᠷ ᠲᠥᠭᠥᠷᠢᠭ ᠬᠦᠷᠬᠦ ᠪᠣᠯᠤᠨ᠎ᠠ᠃ ᠨᠡᠮᠡᠭᠳᠡᠯ᠎ᠤᠨ ᠬᠠᠷᠢᠴᠠᠯ᠎ᠨᠢ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠶᠡᠷᠦᠩᠬᠡᠶ ᠣᠷᠣᠯᠭ᠎ᠠ ᠵᠢᠨ 0.5% ᠣᠷᠴᠢᠮ᠎ᠢ ᠡᠵᠡᠯᠡᠵᠦ᠂ ᠦᠨᠳᠦᠰᠦᠨ᠎ᠳᠡᠭᠡᠨ ᠥᠩᠭᠡᠷᠡᠭᠰᠡᠨ᠎ᠤ᠎ᠬᠢ᠎ᠲᠠᠢ ᠠᠳᠠᠯᠢ ᠪᠠᠶ᠋ᠢᠨ᠎ᠠ᠃ ᠭᠡᠪᠡᠴᠦ ᠡᠮᠨᠡᠯᠭᠡ ᠵᠢᠨ ᠬᠤᠷᠢᠶᠠᠨ᠎ᠤ ᠳᠣᠲᠣᠭ᠋ᠠᠳᠤ᠎ᠳᠤ ᠨᠡᠯᠢᠶᠡᠳ ᠵᠦᠢ ᠵᠣᠬᠢᠰᠲᠠᠶ ᠬᠤᠪᠢᠶᠠᠷᠢᠯᠠᠯᠲᠠ ᠵᠢᠨ ᠤᠷᠮᠠᠰᠢᠭᠤᠯᠬᠤ ᠲᠣᠭᠲᠠᠴᠠ ᠪᠦᠷᠢᠯᠳᠦᠵᠦ᠂ ᠮᠡᠷᠭᠡᠵᠢᠯ ᠬᠦᠴᠦ ᠬᠥᠳᠡᠯᠮᠦᠷᠢ ᠵᠢᠨ ᠦᠷᠳᠡᠭ᠎ᠢ ᠢᠯᠡᠷᠡᠭᠦᠯᠬᠦ ᠪᠣᠯᠣᠨ᠎ᠠ᠃
      ᠬᠥᠲᠥᠯᠥᠭᠴᠢ᠄
      ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠵᠢᠷᠤᠮᠵᠢᠭᠤᠯᠤᠨ ᠲᠣᠬᠢᠷᠠᠭᠤᠯᠤᠭᠰᠠᠨ᠎ᠤ ᠳᠠᠷᠠᠭ᠎ᠠ ᠡᠮ ᠡᠮᠨᠡᠯᠭᠡ ᠵᠢᠨ ᠳᠠᠭ᠋ᠠᠳᠬᠠᠯ᠎ᠳᠤ ᠶᠠᠮᠠᠷ ᠨᠥᠯᠥᠭᠡ᠎ᠲᠠᠢ ᠪᠤᠢ?
      ᠸᠠᠩ ᠵᠢᠨ ᠪᠣᠣ᠄
      ᠮᠠᠨ᠎ᠤ ᠣᠷᠣᠨ᠎ᠤ 2014 ᠣᠨ᠎ᠤ ᠪᠥᠬᠥ ᠣᠷᠣᠨ᠎ᠤ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠮᠴᠢᠯᠡᠭᠡᠨ᠎ᠤ ᠣᠷᠣᠯᠭ᠎ᠠ᠎ᠪᠠᠷ ᠰᠠᠭᠤᠷᠢ ᠲᠣᠭ᠎ᠠ ᠪᠣᠯᠭ᠋ᠠᠵᠤ ᠵᠢᠱ᠌ᠢᠨ ᠪᠣᠳᠣᠪᠠᠯ᠂ ᠶᠡᠷᠦᠩᠬᠡᠶ᠋ᠢᠯᠡᠭᠰᠡᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠣᠷᠣᠯᠭ᠎ᠠ ᠵᠢᠨ ᠨᠡᠮᠡᠭᠳᠡᠵᠦ ᠬᠠᠰᠤᠭᠳᠠᠬᠤ ᠬᠦᠴᠦᠨ ᠵᠦᠢ᠍ᠯ ᠵᠶ᠋ᠠᠷ ᠵᠢᠱ᠌ᠢᠪᠠᠯ ᠡᠮ ᠡᠮᠨᠡᠯᠭᠡ ᠵᠢᠨ ᠳᠠᠭ᠋ᠠᠳᠬᠠᠯ᠎ᠤᠨ ᠶᠡᠷᠦᠨᠭᠬᠡᠢ ᠵᠠᠷᠤᠯᠭ᠎ᠠ᠎ᠨᠢ 1.77 ᠳ᠋ᠦᠩᠰᠢᠭᠤᠷ ᠲᠥᠭᠥᠷᠢᠭ ᠨᠡᠮᠡᠭᠳᠡᠵᠦ ᠮᠡᠳᠡᠨ᠎ᠡ᠃ ᠮᠠᠨ᠎ᠤ ᠣᠷᠣᠨ᠎ᠤ 2014 ᠣᠨ᠎ᠤ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠨᠡᠢ᠍ᠢ᠍ᠲᠡ ᠳ᠋ᠦᠨᠭᠨᠡᠭᠰᠡᠨ ᠦᠯᠡᠳᠡᠪᠦᠷᠢ 20.57 ᠳ᠋ᠦᠩᠰᠢᠭᠤᠷ ᠲᠥᠭᠥᠷᠢᠭ᠂ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠨᠡᠢ᠍ᠢ᠍ᠲᠡ ᠳ᠋ᠦᠨᠭᠨᠡᠭᠰᠡᠨ ᠦᠯᠡᠳᠡᠪᠦᠷᠢ 87.30 ᠳ᠋ᠦᠩᠰᠢᠭᠤᠷ ᠲᠥᠭᠥᠷᠢᠭ᠂ ᠬᠥᠳᠡᠭᠡ ᠲᠣᠰᠬᠣᠨ᠎ᠤ ᠰᠢᠨ᠎ᠡ ᠮᠠᠶᠢᠭ᠎ᠤᠨ ᠬᠤᠷᠰᠢᠭᠰᠠᠨ ᠡᠮᠨᠡᠯᠭᠡ ᠵᠢᠨ ᠰᠠᠭᠤᠷᠢ ᠮᠥᠩᠭᠥ ᠵᠢᠨ ᠣᠷᠣᠯᠭ᠎ᠠ ᠵᠢᠨ ᠨᠡᠶ᠋ᠢᠲᠡ ᠳ᠋ᠦᠨᠭᠨᠡᠭᠰᠡᠨ ᠦᠯᠡᠳᠡᠪᠦᠷᠢ 67.04 ᠳ᠋ᠦᠩᠰᠢᠭᠤᠷ ᠲᠥᠭᠥᠷᠢᠭ ᠪᠠᠢ᠌ᠵᠤ᠂ ᠨᠡᠮᠡᠭᠳᠡᠭᠰᠡᠨ ᠡᠮ ᠡᠮᠨᠡᠯᠭᠡ ᠵᠢᠨ ᠳᠠᠭ᠋ᠠᠳᠬᠠᠯ᠎ᠤᠨ ᠵᠠᠷᠤᠯᠭ᠎ᠠ ᠵᠢᠨ ᠵᠣᠭᠣᠰᠣᠨ ᠲᠣᠭ᠎ᠠ᠎ᠨᠢ ᠡᠮ ᠡᠮᠨᠡᠯᠭᠡ ᠵᠢᠨ ᠳᠠᠭ᠋ᠠᠳᠬᠠᠯ ᠪᠣᠯᠣᠨ ᠬᠥᠳᠡᠭᠡ ᠲᠣᠰᠬᠣᠨ᠎ᠤ ᠰᠢᠨ᠎ᠡ ᠮᠠᠶᠢᠭ᠎ᠤᠨ ᠬᠤᠷᠰᠢᠭᠰᠠᠨ ᠡᠮᠨᠡᠯᠭᠡ ᠵᠢᠨ ᠰᠠᠭᠤᠷᠢ ᠮᠥᠩᠭᠥ ᠵᠢᠨ ᠳᠠᠭ᠋ᠠᠭ᠋ᠠᠵᠤ ᠳᠡᠶ᠋ᠢᠯᠬᠦ ᠬᠡᠪᠴᠢᠶᠡᠨ ᠳᠣᠲᠣᠷ᠎ᠠ ᠪᠠᠢ᠌ᠨ᠎ᠠ᠃ ᠬᠡᠷᠪᠡ ᠰᠢᠨ᠎ᠡ ᠨᠢᠭᠡ ᠡᠭᠡᠯᠵᠢ ᠵᠢᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠮ᠎ᠤᠨ ᠵᠦᠢ᠍ᠯ᠎ᠢ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠦᠨ᠎ᠡ ᠵᠢ ᠶᠡᠬᠡ ᠬᠡᠮᠵᠢᠶ᠎ᠡ᠎ᠪᠠᠷ ᠪᠠᠭᠤᠷᠠᠭᠤᠯᠬᠤ ᠬᠦᠴᠦᠨ ᠵᠦᠢ᠍ᠯ᠎ᠢ ᠪᠣᠳᠣᠯᠬᠢᠯᠠᠪᠠᠯ᠂ ᠦᠨ᠎ᠡ ᠪᠠᠭᠤᠷᠠᠭᠤᠯᠤᠭᠰᠠᠨ ᠬᠡᠮᠵᠢᠶ᠎ᠡ᠎ᠠᠴᠠ ᠦᠨ᠎ᠡ ᠬᠠᠨᠭ᠌ᠰᠢ ᠵᠢ ᠲᠣᠬᠢᠷᠠᠭᠤᠯᠵᠤ ᠥᠰᠬᠡᠭᠰᠡᠨ ᠬᠡᠮᠵᠢᠶ᠎ᠡ ᠵᠢ ᠪᠦᠷᠢᠮᠦᠰᠦᠨ ᠲᠣᠯᠭ᠋ᠠᠨ ᠬᠠᠰᠤᠵᠤ ᠪᠣᠯᠤᠨ᠎ᠠ᠂ ᠪᠣᠳᠠᠲᠠᠶ ᠡᠮ ᠡᠮᠨᠡᠯᠭᠡ ᠵᠢᠨ ᠳᠠᠭ᠋ᠠᠳᠬᠠᠯ᠎ᠤᠨ ᠵᠠᠷᠤᠯᠭ᠎ᠠ ᠵᠢᠨ ᠨᠡᠮᠡᠭᠳᠡᠯ᠎ᠢ ᠴᠦ᠍ ᠲᠤᠯᠭ᠋ᠠᠨ ᠬᠠᠰᠤᠵᠤ ᠪᠣᠯᠣᠨ᠎ᠠ᠃ ᠡᠭᠦᠨ᠎ᠤ ᠬᠠᠮᠲᠤ᠂ ᠡᠩ᠎ᠤᠨ ᠬᠡᠷᠡᠭᠯᠡᠭᠡᠨ᠎ᠤ ᠨᠢᠭᠡ ᠤᠳᠠᠭ᠎ᠠ ᠵᠢᠨ ᠴᠢᠨᠠᠷᠲᠠᠶ ᠡᠮᠴᠢᠯᠡᠭᠡᠨ᠎ᠳᠤ ᠬᠡᠷᠡᠭᠯᠡᠬᠦ ᠬᠣᠷᠣᠭᠳᠠᠬᠣ ᠮᠠᠲᠸᠷᠢᠶᠠᠯ᠎ᠤᠨ ᠦᠨ᠎ᠡ ᠵᠢ᠎ᠪᠠᠨ ᠡᠮ ᠡᠮᠨᠡᠯᠭᠡ ᠵᠢᠨ ᠥᠪᠡᠷ᠎ᠤᠨ ᠥᠷᠳᠡᠭ᠎ᠲᠤ ᠨᠢᠭᠡᠨᠲᠡ ᠨᠡᠢ᠌ᠯᠡᠭᠦᠯᠦᠨ ᠪᠤᠳᠤᠵᠤ ᠣᠷᠤᠭᠤᠯᠤᠭ᠋ᠠᠳ᠂ ᠡᠮ ᠡᠮᠨᠡᠯᠭᠡ ᠵᠢᠨ ᠵᠠᠷᠤᠳᠠᠯ᠎ᠤᠨ ᠵᠦᠢ ᠵᠤᠬᠢᠰ ᠦᠭᠡᠢ ᠪᠦᠷᠢᠯᠳᠦᠬᠦᠨ᠎ᠢ ᠬᠢᠵᠠᠭ᠋ᠠᠷᠯᠠᠭᠰᠠᠨ᠎ᠨᠢ ᠪᠠᠰᠠ ᠡᠮ ᠡᠮᠨᠡᠯᠭᠡ ᠵᠢᠨ ᠳᠠᠭ᠋ᠠᠳᠬᠠᠯ᠎ᠤᠨ ᠵᠠᠷᠤᠳᠠᠯ᠎ᠢ ᠬᠢᠵᠠᠭ᠋ᠠᠷᠯᠠᠬᠤ ᠵᠢ ᠪᠡᠶᠡᠯᠡᠭᠦᠯᠬᠦ᠎ᠳᠤ ᠠᠰᠢᠭᠲᠠᠶ ᠶᠤᠮ᠃
      ᠬᠥᠲᠥᠯᠥᠭᠴᠢ᠄
      ᠡᠪᠡᠳᠴᠢᠲᠡᠨ᠎ᠳᠤ ᠶᠠᠮᠠᠷ ᠨᠥᠯᠥᠭᠡ᠎ᠲᠠᠢ ᠪᠤᠢ?
      ᠸᠠᠩ ᠵᠢᠨ ᠪᠣᠣ᠄
      ᠲᠤᠰ ᠤᠳᠠᠭ᠋ᠠᠨ᠎ᠤ ᠦᠨ᠎ᠡ ᠬᠠᠩᠰᠢ ᠵᠢᠨ ᠲᠣᠬᠢᠷᠠᠭᠤᠯᠤᠯᠲᠠ᠎ᠨᠢ ᠡᠪᠡᠳᠴᠢᠲᠡᠨ᠎ᠤ ᠵᠠᠷᠤᠯᠭ᠎ᠠ ᠵᠢ ᠶᠡᠷᠦᠩᠬᠡᠶ᠎ᠳᠡᠭᠡᠨ ᠨᠡᠮᠡᠭᠳᠡᠭᠦᠯᠦᠭᠰᠡᠨ ᠦᠭᠡᠢ᠃ ᠨᠢᠭᠡ᠎ᠳᠤ᠂ ᠡᠭᠦᠳᠡᠨ ᠡᠮᠨᠡᠯᠭᠡ ᠵᠢᠨ ᠡᠪᠡᠳᠴᠢᠲᠡᠨ᠎ᠳᠤ ᠠᠪᠴᠤ ᠬᠡᠯᠡᠪᠡᠯ᠂ ᠪᠠᠶ᠋ᠢᠴᠠᠭ᠋ᠠᠨ ᠣᠨᠣᠰᠢᠯᠠᠬᠤ ᠵᠠᠷᠤᠳᠠᠯ᠎ᠤᠨ ᠪᠠᠷᠢᠮᠵᠢᠶ᠎ᠠ ᠢᠯᠡᠷᠬᠡᠶ ᠳᠡᠭᠡᠭᠰᠢᠯᠡᠵᠦ᠂ ᠵᠠᠷᠤᠯᠭ᠎ᠠ᠎ᠨᠢ ᠵᠣᠬᠢᠬᠤ ᠬᠡᠮᠵᠢᠶ᠎ᠡ᠎ᠪᠠᠷ ᠨᠡᠮᠡᠭᠳᠡᠪᠡ᠃ ᠤᠤᠯ᠎ᠤᠨ ᠭᠤᠷᠪᠠᠳᠤᠭ᠋ᠠᠷ ᠳᠡᠰ᠎ᠤᠨ ᠡᠮᠨᠡᠯᠭᠡ ᠵᠢᠨ ᠬᠣᠷᠢᠶᠠᠨ᠎ᠤ ᠡᠭᠦᠳᠡᠨ ᠡᠮᠨᠡᠯᠭᠡ ᠵᠢᠨ ᠳ᠋ᠤᠭ᠋ᠠᠷᠯᠠᠨ ᠡᠪᠡᠳᠴᠢᠨ ᠪᠠᠶ᠋ᠢᠴᠠᠭ᠋ᠠᠬᠤ ᠵᠠᠷᠤᠳᠠᠯ᠎ᠨᠢ ᠳᠤᠮᠳᠠᠴᠢ᠎ᠪᠠᠷ 6.6 ᠲᠥᠭᠥᠷᠢᠭ / ᠬᠥᠮᠦᠨ ᠤᠳᠠᠭ᠎ᠠ ᠪᠠᠢ᠌ᠵᠤ᠂ ᠲᠣᠬᠢᠷᠠᠭᠤᠯᠤᠯᠲᠠ ᠬᠢᠭᠰᠡᠨ᠎ᠤ ᠳᠠᠷᠠᠭ᠎ᠠ ᠳ᠋ᠤᠭ᠋ᠠᠷᠯᠠᠬᠤ ᠵᠠᠷᠤᠳᠠᠯ᠎ᠢ ᠦᠭᠡᠢ᠌ᠰᠬᠡᠵᠦ ᠨᠡᠶ᠋ᠢᠯᠡᠭᠦᠯᠦᠭᠡᠳ ᠡᠪᠡᠳᠴᠢᠨ ᠪᠠᠶ᠋ᠢᠴᠠᠭ᠋ᠠᠬᠤ ᠵᠠᠷᠤᠳᠠᠯ ᠪᠣᠯᠭ᠋ᠠᠭᠰᠠᠨ᠎ᠨᠢ ᠳᠤᠮᠳᠠᠴᠢ᠎ᠪᠠᠷ 16 ᠲᠥᠭᠥᠷᠢᠭ / ᠬᠥᠮᠦᠨ ᠤᠳᠠᠭ᠎ᠠ ᠪᠣᠯᠵᠤ᠂ ᠬᠥᠮᠦᠨ ᠪᠦᠷᠢ᠎ᠳᠤ ᠳᠤᠮᠳᠠᠴᠢ᠎ᠪᠠᠷ 9.4 ᠲᠥᠭᠥᠷᠢᠭ ᠨᠡᠮᠡᠭᠳᠡᠪᠡ᠃ ᠭᠣᠣᠯ ᠪᠣᠳᠣᠯᠬᠢᠯᠠᠭᠰᠠᠨ ᠵᠦᠢ᠍ᠯ ᠭᠡᠪᠡᠯ ᠡᠮ ᠡᠮᠨᠡᠯᠭᠡ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠷᠳᠡᠭ᠎ᠢ ᠭᠦᠢ᠍ᠴᠡᠳ ᠢᠯᠡᠷᠡᠭᠦᠯᠵᠦ᠂ ᠡᠮ ᠡᠮᠨᠡᠯᠭᠡ ᠵᠢᠨ ᠮᠡᠷᠭᠡᠵᠢᠯᠲᠡᠨ᠎ᠤ ᠢᠳᠡᠪᠬᠢᠵᠢᠯ᠎ᠢ ᠳᠠᠢ᠌ᠴᠢᠯᠠᠬᠤ ᠵᠢᠨ ᠲᠥᠯᠦᠭᠡ ᠣᠨᠣᠰᠢᠯᠠᠨ ᠡᠮᠨᠡᠬᠦ ᠵᠠᠷᠤᠳᠠᠯ᠎ᠤᠨ ᠪᠠᠷᠢᠮᠵᠢᠶ᠎ᠠ ᠵᠢ ᠶᠡᠬᠡᠰᠬᠡᠭᠰᠡᠨ ᠪᠥᠭᠡᠳ ᠱᠠᠳᠤ ᠬᠤᠪᠢᠶᠠᠨ ᠣᠨᠣᠰᠢᠯᠠᠨ ᠡᠮᠨᠡᠬᠦ ᠲᠦᠷᠢᠮ᠎ᠢ ᠲᠣᠭᠲᠠᠭ᠋ᠠᠵᠤ᠂ ᠡᠪᠡᠳᠴᠢᠲᠡᠨ ᠪᠥᠯᠥᠭ ᠬᠤᠪᠢᠶᠠᠨ ᠡᠮᠴᠢᠯᠡᠭᠦᠯᠬᠦ ᠵᠢ ᠬᠥᠲᠦᠯᠦᠨ ᠵᠢᠯᠣᠭᠣᠳᠬᠣ᠎ᠳᠤ ᠠᠰᠢᠭᠲᠠᠢ ᠪᠣᠯᠭ᠋ᠠᠪᠠ᠃ ᠨᠦᠬᠦᠭᠡ ᠲᠠᠯ᠎ᠠ᠎ᠪᠠᠷ᠂ ᠡᠮ᠎ᠤᠨ ᠵᠦᠢ᠍ᠯ᠎ᠤᠨ ᠨᠡᠮᠡᠯᠲᠡ ᠦᠨ᠎ᠡ ᠵᠢ ᠬᠦᠴᠦᠨ ᠦᠭᠡᠶ ᠪᠣᠯᠭ᠋ᠠᠭᠰᠠᠨ᠎ᠨᠢ ᠡᠭᠦᠳᠡᠨ ᠡᠮᠨᠡᠯᠭᠡ ᠵᠢᠨ ᠡᠪᠡᠳᠴᠢᠲᠡᠨ᠎ᠳᠤ ᠡᠮ ᠵᠠᠷᠤᠬᠤ ᠵᠠᠷᠤᠯᠭ᠎ᠠ ᠵᠢ ᠪᠠᠭ᠋ᠠᠰᠬᠠᠵᠤ᠂ ᠲᠤᠮᠤ ᠬᠡᠯᠪᠡᠷᠢ ᠵᠢᠨ ᠲᠥᠬᠥᠭᠡᠷᠦᠮᠵᠢ᠎ᠪᠠᠷ ᠪᠠᠶ᠋ᠢᠴᠠᠭ᠋ᠠᠯᠲᠠ ᠬᠢᠬᠦ᠂ ᠰᠢᠨᠵᠢᠯᠡᠨ ᠰᠢᠯᠭ᠋ᠠᠬᠤ ᠵᠡᠷᠭᠡ ᠵᠠᠷᠤᠳᠠᠯ᠎ᠢ ᠳᠣᠷᠣᠭᠰᠢᠯᠠᠭᠤᠯᠵᠤ᠂ ᠪᠦᠬᠦ ᠲᠠᠯ᠎ᠠ ᠵᠢᠨ ᠳᠠᠷᠤᠭ᠋ᠠᠰᠤ ᠮᠡᠳᠡᠭᠳᠡᠬᠦᠶ᠋ᠢᠴᠡ ᠬᠥᠨᠭᠭᠡᠷᠡᠪᠡ᠃ ᠬᠣᠶᠠᠷ᠎ᠲᠤ᠂ ᠡᠮᠨᠡᠯᠭᠡ᠎ᠳᠤ ᠰᠠᠭᠤᠭᠰᠠᠨ ᠡᠪᠡᠳᠴᠢᠲᠡᠨ᠎ᠳᠤ ᠠᠪᠴᠤ ᠬᠡᠯᠡᠪᠡᠯ᠂ ᠬᠡᠳᠦᠶ᠋ᠢᠪᠡᠷ ᠮᠡᠰᠡ ᠵᠠᠰᠠᠯ ᠬᠢᠬᠦ ᠵᠠᠷᠤᠳᠠᠯ᠎ᠨᠢ 60%᠎ᠪᠠᠷ ᠳᠡᠭᠡᠭᠰᠢᠯᠡᠭᠰᠡᠨ ᠪᠣᠯᠪᠠᠴᠤ ᠠᠮᠠᠨ ᠬᠥᠨᠳᠡᠶ᠂ ᠲᠤᠢ᠍ᠷᠢ ᠵᠠᠰᠠᠬᠤ᠂ ᠦᠷᠡᠵᠢᠬᠦ ᠰᠢᠰᠲ᠋ᠧᠮ ᠵᠡᠷᠭᠡ ᠡᠪᠡᠳᠴᠢᠨ ᠡᠮᠭᠡᠭ᠎ᠤᠨ ᠪᠣᠰᠤ ᠡᠮᠨᠡᠨ ᠵᠠᠰᠠᠬᠤ ᠮᠡᠰᠡ ᠵᠠᠰᠠᠯ᠎ᠤᠨ ᠲᠥᠷᠥᠯ ᠵᠦᠢ᠍ᠯ᠎ᠢ ᠭᠠᠷᠭ᠋ᠠᠪᠠᠯ᠂ ᠶᠡᠬᠡᠩᠬᠢ ᠲᠥᠷᠥᠯ ᠵᠦᠢ᠍ᠯ᠎ᠨᠢ ᠴᠥᠮ ᠡᠮ ᠡᠮᠨᠡᠯᠭᠡ ᠵᠢᠨ ᠳᠠᠭ᠋ᠠᠳᠬᠠᠯ᠎ᠤᠨ ᠨᠢᠭᠡᠳᠦᠯᠲᠡᠶ ᠲᠥᠯᠥᠪᠯᠡᠨ ᠥᠭᠬᠦ ᠬᠡᠪᠴᠢᠶᠡᠨ᠎ᠳᠤ ᠣᠷᠣᠭᠰᠠᠨ ᠪᠥᠭᠡᠳ ᠡᠮ ᠡᠮᠨᠡᠯᠭᠡ ᠵᠢᠨ ᠳᠠᠭ᠋ᠠᠳᠬᠠᠯ᠎ᠤᠨ ᠪᠤᠰᠤᠳ ᠵᠠᠷᠤᠳᠠᠯ᠎ᠤᠨ ᠲᠠᠨᠭ᠌ᠰᠠ ᠲᠠᠶ᠋ᠢᠯᠬᠤ ᠬᠠᠷᠢᠴᠠᠯ ᠴᠤ᠌ ᠠᠯᠬᠤᠮ ᠠᠯᠬᠤᠮ ᠵᠶ᠋ᠠᠷ ᠳᠡᠭᠡᠭᠰᠢᠯᠡᠵᠦ᠂ ᠲᠠᠨᠭ᠌ᠰᠠ ᠲᠠᠶ᠋ᠢᠯᠬᠤ ᠬᠡᠪᠴᠢᠶ᠎ᠡ᠎ᠨᠢ ᠠᠯᠬᠤᠮ ᠠᠯᠬᠤᠮ ᠵᠶ᠋ᠠᠷ ᠥᠷᠭᠡᠳᠴᠦ ᠪᠣᠢ᠃ ᠡᠭᠦᠨ᠎ᠤ ᠬᠠᠮᠲᠤ᠂ ᠡᠮ᠎ᠤᠨ ᠵᠦᠢ᠍ᠯ᠎ᠤᠨ ᠦᠨ᠎ᠡ ᠬᠠᠩᠰᠢ ᠵᠢ ᠠᠯᠬᠤᠮ ᠠᠯᠬᠤᠮ ᠵᠶ᠋ᠠᠷ ᠪᠠᠭᠤᠷᠠᠭᠤᠯᠬᠤ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠬᠤ ᠮᠠᠲᠸᠷᠢᠶᠠᠯ᠎ᠢ ᠪᠣᠭᠣᠳᠠᠯᠯᠠᠨ ᠦᠨ᠎ᠡ ᠲᠣᠭᠲᠠᠭ᠋ᠠᠬᠤ᠎ᠠᠴᠠ ᠪᠣᠯᠵᠤ᠂ ᠡᠮᠨᠡᠯᠭᠡ᠎ᠳᠤ ᠰᠠᠭᠤᠭᠰᠠᠨ ᠵᠠᠷᠤᠳᠠᠯ᠎ᠤᠨ ᠥᠰᠥᠯᠲᠡ ᠵᠢ ᠴᠦ᠍ ᠬᠢᠵᠠᠭ᠋ᠠᠷᠯᠠᠬᠤ ᠪᠣᠯᠤᠨ᠎ᠠ᠃ ᠭᠤᠷᠪᠠ᠎ᠳᠤ ᠡᠭᠦᠳᠡᠨ ᠡᠮᠨᠡᠯᠭᠡ ᠵᠢᠨ ᠣᠨᠴᠠᠭ᠋ᠠᠶ ᠤᠳᠠᠭ᠋ᠠᠨ ᠴᠢᠨᠠᠷᠲᠠᠶ ᠡᠪᠡᠳᠴᠢᠲᠡᠨ᠎ᠢ ᠡᠮᠴᠢᠯᠡᠬᠥ ᠪᠠᠷᠢᠮᠵᠢᠶ᠎ᠠ ᠬᠤᠪᠢᠷᠬᠠᠰᠠᠨ ᠦᠭᠡᠶ᠂ ᠡᠨᠡ ᠬᠡᠰᠡᠭ ᠡᠪᠡᠳᠴᠢᠲᠡᠨ᠎ᠤ ᠵᠠᠷᠤᠳᠠᠯ᠎ᠢ ᠨᠡᠮᠡᠭᠳᠡᠭᠦᠯᠬᠦ ᠦᠭᠡᠢ᠃
      ᠬᠥᠲᠥᠯᠥᠭᠴᠢ᠄  
      ᠰᠢᠨ᠎ᠡ ᠦᠨ᠎ᠡ ᠬᠠᠩᠰᠢ ᠨᠡᠶ᠋ᠢᠲᠡᠯᠡᠭᠳᠡᠭᠰᠡᠨ᠎ᠤ ᠳᠠᠷᠠᠭ᠎ᠠ ᠶᠠᠮᠠᠷ ᠶᠠᠮᠠᠷ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠠᠪᠤᠭᠰᠠᠨ ᠪᠤᠢ?
      ᠸᠠᠩ ᠵᠢᠨ ᠪᠣᠣ᠄  
      ᠨᠢᠭᠡ᠎ᠳᠤ ᠰᠠᠯᠠᠭ᠎ᠠ ᠮᠥᠴᠢᠷ᠎ᠤᠨ ᠬᠣᠭᠣᠷᠣᠨᠳᠣᠬᠢ ᠬᠠᠮᠵᠢᠯᠴᠠᠭ᠎ᠠ ᠵᠢ ᠠᠬᠢᠭᠤᠯᠬᠤ ᠲᠣᠭᠲᠠᠴᠠ ᠵᠢ ᠪᠠᠢ᠌ᠭᠤᠯᠪᠠ᠃ ᠦᠨ᠎ᠡ ᠬᠠᠩᠰᠢ᠂ ᠡᠷᠡᠭᠦᠯ ᠬᠠᠮᠠᠭ᠋ᠠᠯᠠᠯ᠂ ᠬᠥᠮᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠤᠳ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠨᠭ᠌ᠰᠢ ᠵᠢ ᠲᠤᠷᠰᠢᠨ ᠬᠡᠷᠡᠭᠵᠢᠭᠦᠯᠬᠦ ᠠᠵᠢᠯ᠎ᠢ ᠳᠥᠯᠭᠢᠨ ᠠᠬᠢᠭᠤᠯᠬᠤ ᠳᠤᠭᠤᠶ᠋ᠢᠯᠠᠩ᠎ᠢ ᠪᠠᠢ᠌ᠭᠤᠯᠵᠤ᠂ ᠠᠵᠢᠯ᠎ᠤᠨ ᠲᠥᠰᠦᠯ ᠲᠣᠭᠲᠠᠭ᠋ᠠᠨ᠂ ᠠᠵᠢᠯ ᠬᠤᠪᠢᠶᠠᠷᠢᠯᠠᠨ ᠬᠠᠷᠢᠭᠤᠴᠠᠵᠤ᠂ ᠨᠢᠭᠲᠠ ᠬᠠᠮᠵᠢᠯᠴᠠᠨ᠂ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠵᠤ᠂ ᠲᠤᠷᠰᠢᠨ ᠬᠡᠷᠡᠭᠵᠢᠭᠦᠯᠬᠦ ᠳᠤᠮᠳᠠ ᠭᠠᠷᠤᠭᠰᠠᠨ ᠡᠯ᠎ᠡ ᠵᠦᠢ᠍ᠯ᠎ᠤᠨ ᠠᠰᠠᠭᠤᠳᠠᠯ᠎ᠢ ᠴᠠᠭ ᠲᠤᠬᠠᠶ᠎ᠳᠤᠨᠢ ᠰᠤᠳᠤᠯᠤᠨ ᠰᠢᠢ᠍ᠳᠪᠦᠷᠢᠯᠡᠪᠡ᠃
      ᠬᠣᠶᠠᠷ᠎ᠲᠤ ᠣᠷᠣᠯᠭ᠎ᠠ ᠪᠠᠭ᠋ᠠᠲᠠᠢ ᠡᠷᠦᠬᠡ ᠪᠣᠯᠣᠨ ᠣᠨᠴᠠᠭ᠋ᠠᠶ ᠬᠥᠮᠦᠰ᠎ᠤᠨ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ ᠵᠢ ᠭᠦᠢ᠍ᠴᠡᠳ ᠪᠣᠳᠣᠯᠬᠢᠯᠠᠪᠠ᠃ 《ᠦᠨᠳᠦᠰᠦᠨ ᠵᠦᠢ᠍ᠯ᠎ᠢ ᠪᠠᠲᠤᠯᠠᠬᠤ᠂ ᠨᠠᠭ᠋ᠠᠲᠤ ᠵᠠᠬ᠎ᠠ ᠵᠢᠨ ᠠᠮᠢᠳᠤᠷᠠᠯ᠎ᠢ ᠪᠠᠲᠤᠯᠠᠬᠤ᠂ ᠲᠥᠪ ᠭᠣᠣᠯᠴᠢ ᠵᠢ ᠠᠬᠢᠭᠤᠯᠬᠤ》 ᠵᠠᠷᠴᠢᠮ ᠶᠣᠰᠣᠭ᠋ᠠᠷ᠂ ᠬᠥᠮᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ᠂ ᠡᠷᠡᠭᠦᠯ ᠬᠠᠮᠠᠭ᠋ᠠᠯᠠᠯ᠂ ᠠᠷᠠᠳ᠎ᠤᠨ ᠶᠠᠪᠤᠳᠠᠯ ᠵᠡᠷᠭᠡ ᠰᠠᠯᠠᠭ᠎ᠠ ᠮᠥᠴᠢᠷ᠎ᠤᠳ ᠵᠢᠯ ᠪᠦᠷᠢ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠥᠰᠥᠯᠲᠡ ᠵᠢᠨ ᠬᠢᠷᠢ ᠬᠡᠮᠵᠢᠶ᠎ᠡ᠎ᠲᠠᠢ ᠤᠶᠠᠯᠳᠤᠭᠤᠯᠤᠨ᠂ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠂ ᠶᠡᠬᠡ ᠲᠣᠭ᠋ᠠᠨ᠎ᠤ ᠡᠮ ᠡᠮᠨᠡᠯᠭᠡ ᠵᠢᠨ ᠳᠠᠭ᠋ᠠᠳᠬᠠᠯ᠂ ᠬᠤᠳᠠᠯᠳᠤᠭ᠋ᠠᠨ᠎ᠤ ᠡᠮ ᠡᠮᠨᠡᠯᠭᠡ ᠵᠢᠨ ᠨᠥᠬᠥᠪᠥᠷᠢ ᠳᠠᠭ᠋ᠠᠳᠬᠠᠯ ᠵᠢᠴᠢ ᠡᠮ ᠡᠮᠨᠡᠯᠭᠡ ᠵᠢᠨ ᠠᠪᠤᠷᠠᠨ ᠲᠤᠰᠠᠯᠠᠬᠤ ᠳᠦᠷᠢᠮ ᠵᠡᠷᠭᠡ ᠤᠯᠠᠨ ᠳᠠᠪᠬᠤᠷᠭ᠋ᠠᠲᠤ ᠪᠠᠲᠤᠯᠠᠭ᠎ᠠ ᠵᠢᠨ ᠰᠢᠰᠲᠸᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠥᠮᠡᠨ ᠡᠪᠡᠳᠴᠢᠨ᠎ᠲᠠᠢ ᠡᠪᠡᠳᠴᠢᠲᠡᠨ᠂ ᠣᠨᠴᠠᠭ᠋ᠠᠶ ᠤᠳᠠᠭ᠋ᠠᠨ ᠴᠢᠨᠠᠷᠲᠠᠶ ᠡᠪᠡᠳᠴᠢᠨ᠎ᠲᠠᠢ ᠡᠪᠡᠳᠴᠢᠲᠡᠳ᠎ᠤᠨ ᠡᠮ ᠡᠮᠨᠡᠯᠭᠡ ᠵᠢᠨ ᠵᠠᠷᠤᠳᠠᠯ᠎ᠢ ᠡᠭᠦᠳᠡᠨ ᠡᠮᠨᠡᠯᠭᠡ᠎ᠠᠴᠠ ᠥᠭᠬᠦ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠬᠤ ᠡᠷᠴᠢᠮ ᠵᠶ᠋ᠠᠨ ᠨᠡᠮᠡᠭᠳᠡᠭᠦᠯᠵᠦ᠂ ᠣᠷᠣᠯᠭ᠎ᠠ ᠪᠠᠭ᠋ᠠᠲᠠᠶ ᠡᠷᠦᠬᠡ ᠪᠣᠯᠣᠨ ᠣᠨᠴᠠᠭ᠋ᠠᠶ ᠡᠪᠡᠳᠴᠢᠨ ᠦᠵᠡᠭᠦᠯᠦᠭᠰᠡᠳ᠎ᠤᠨ ᠳᠠᠷᠤᠭ᠋ᠠᠰᠤ ᠵᠢ ᠨᠡᠮᠡᠭᠳᠡᠭᠦᠯᠬᠦ ᠥᠭᠡᠢ ᠪᠠᠶ᠋ᠢᠬᠤ ᠵᠢ ᠦᠨᠡᠨᠬᠦ ᠪᠠᠲᠤᠯᠠᠪᠠ᠃
      ᠭᠤᠷᠪᠠ᠎ᠳᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠲᠣᠭᠲᠠᠭ᠋ᠠᠵᠤ᠂ ᠣᠨᠣᠰᠢᠯᠠᠨ ᠡᠮᠨᠡᠬᠦ ᠥᠢ᠍ᠯᠡ ᠠᠵᠢᠯᠯᠠᠭ᠎ᠠ ᠪᠣᠯᠣᠨ ᠡᠮᠴᠢᠯᠡᠭᠡᠨ᠎ᠤ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢ ᠴᠢᠨᠭ᠌ᠭ᠋ᠠᠳᠬᠠᠪᠠ᠃ ᠡᠷᠡᠭᠦᠯ ᠬᠠᠮᠠᠭ᠋ᠠᠯᠠᠯ ᠪᠣᠯᠣᠨ ᠬᠥᠮᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠡᠭᠦᠳᠡᠨ ᠡᠮᠨᠡᠯᠭᠡ᠂ ᠡᠮᠨᠡᠯᠭᠡ᠎ᠳᠤ ᠰᠠᠭᠤᠭᠰᠠᠨ ᠳᠤᠮᠳᠠᠴᠢ ᠵᠠᠷᠤᠳᠠᠯ ᠵᠡᠷᠭᠡ ᠵᠢ ᠬᠡᠮᠵᠢᠶᠡᠯᠡᠨ ᠡᠵᠡᠮᠰᠢᠪᠡ᠃ ᠡᠮᠦᠨ᠎ᠡ ᠭᠤᠷᠪᠠᠨ ᠵᠢᠯ᠎ᠤᠨ ᠡᠯ᠎ᠡ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠳᠤᠮᠳᠠᠴᠢ ᠵᠠᠷᠤᠳᠠᠯ᠎ᠤᠨ ᠨᠡᠮᠡᠭᠳᠡᠯ᠎ᠤᠨ ᠬᠢᠷᠢ ᠬᠡᠮᠵᠢᠶ᠎ᠡ ᠶᠣᠰᠣᠭ᠋ᠠᠷ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠵᠢᠨ ᠢᠯᠡᠳᠬᠡᠭᠴᠢ ᠲᠣᠭ᠎ᠠ ᠵᠢ ᠪᠣᠳᠣᠯᠬᠢᠯᠠᠵᠤ᠂ ᠡᠯ᠎ᠡ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠣᠨ᠎ᠤ ᠳᠤᠮᠳᠠᠴᠢ ᠵᠠᠷᠤᠳᠠᠯ᠎ᠤᠨ ᠬᠢᠵᠠᠭ᠋ᠠᠷᠯᠠᠬᠤ ᠭᠦᠢ᠍ᠴᠡᠳᠬᠡᠯ ᠲᠣᠭ᠎ᠠ ᠵᠢ ᠬᠠᠮᠲᠤ᠎ᠪᠠᠷ ᠬᠢᠨᠠᠨ ᠲᠣᠭᠲᠠᠭ᠋ᠠᠵᠤ᠂ ᠵᠠᠷᠤᠳᠠᠯ᠎ᠤᠨ ᠳᠡᠭᠡᠭᠰᠢᠯᠡᠯᠲᠡ ᠵᠢᠨ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠪᠠ᠃ ᠳᠤᠮᠳᠠᠴᠢ ᠵᠠᠷᠤᠳᠠᠯ᠎ᠲᠠᠢ ᠤᠶᠠᠯᠳᠤᠭᠤᠯᠤᠨ ᠬᠢᠨᠠᠨ ᠰᠢᠯᠭ᠋ᠠᠵᠤ ᠦᠨᠡᠯᠡᠨ ᠵᠢᠱ᠌ᠢᠬᠦ ᠵᠢ ᠥᠷᠨᠢᠭᠦᠯᠵᠦ᠂ ᠱᠠᠨᠭ᠌ᠨᠠᠨ ᠲᠣᠷᠭ᠋ᠠᠬᠤ ᠲᠥᠷᠢᠮ᠎ᠢ ᠬᠡᠷᠡᠭᠵᠢᠭᠦᠯᠦᠨ᠂ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠮᠨᠡᠯᠭᠡ᠎ᠳᠤ ᠰᠠᠭᠤᠭᠰᠠᠨ ᠳᠤᠮᠳᠠᠴᠢ ᠡᠳᠦᠷ᠎ᠢ ᠪᠣᠭᠣᠨᠢᠰᠬᠠᠵᠤ᠂ ᠶᠡᠬᠡ᠎ᠪᠠᠷ ᠵᠣᠷᠯᠠᠬᠤ᠂ ᠬᠡᠲᠦᠷᠬᠡᠶ ᠪᠠᠢ᠌ᠴᠠᠭ᠋ᠠᠨ ᠡᠮᠴᠢᠯᠡᠬᠥ ᠵᠡᠷᠭᠡ ᠵᠦᠢ ᠵᠤᠬᠢᠰ ᠦᠭᠡᠢ ᠵᠠᠷᠤᠳᠠᠯ ᠭᠠᠷᠬᠤ ᠵᠢ ᠡᠵᠡᠮᠳᠡᠪᠡ᠃
      ᠸᠠᠩ ᠵᠢᠨ ᠪᠣᠣ᠄
      ᠲᠦᠷᠪᠡ᠎ᠳᠤ ᠡᠮ᠎ᠤᠨ ᠵᠦᠢ᠍ᠯ ᠪᠣᠯᠣᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠬᠤ ᠮᠠᠲᠸᠷᠢᠶᠠᠯ᠎ᠢ ᠲᠥᠪᠯᠡᠷᠡᠭᠦᠯᠦᠨ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠡᠷᠴᠢᠮ᠎ᠢ ᠴᠢᠨᠭ᠌ᠭ᠋ᠠᠷᠠᠭᠤᠯᠪᠠ᠃ ᠡᠷᠡᠭᠦᠯ ᠬᠠᠮᠠᠭ᠋ᠠᠯᠠᠯ᠎ᠤᠨ ᠰᠠᠯᠠᠭ᠎ᠠ ᠮᠥᠴᠢᠷ᠎ᠤᠳ ᠡᠮ᠎ᠤᠨ ᠵᠦᠢ᠍ᠯ ᠪᠣᠯᠣᠨ ᠡᠮᠴᠢᠯᠡᠭᠡᠨ᠎ᠳᠤ ᠬᠡᠷᠡᠭᠯᠡᠬᠥ ᠬᠣᠷᠣᠭᠳᠠᠬᠤ ᠮᠠᠲᠸᠷᠢᠶᠠᠯ᠎ᠢ ᠬᠤᠳᠠᠯᠳᠤᠨ ᠠᠪᠬᠤ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠵᠦ᠂ ᠢᠯᠡ᠎ᠪᠠᠷ ᠬᠤᠳᠠᠯᠳᠤᠨ ᠠᠪᠬᠤ ᠵᠢ ᠬᠡᠷᠡᠭᠵᠢᠭᠦᠯᠵᠦ᠂ ᠶᠠᠰᠤ ᠴᠢᠨᠠᠷ᠎ᠢ ᠪᠠᠲᠤᠯᠠᠬᠤ ᠵᠢᠨ ᠬᠠᠮᠲᠤ ᠬᠤᠳᠠᠯᠳᠤᠨ ᠠᠪᠬᠤ ᠦᠨ᠎ᠡ ᠵᠢ ᠪᠠᠭᠤᠷᠠᠭᠤᠯᠪᠠ᠃ ᠡᠭᠦᠨ᠎ᠤ ᠬᠠᠮᠲᠤ᠂ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶᠠᠨ᠎ᠤ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠱᠠᠭ᠋ᠠᠷᠳᠠᠯᠭ᠎ᠠ ᠶᠣᠰᠣᠭ᠋ᠠᠷ᠂ ᠡᠮ᠎ᠤᠨ ᠵᠦᠢ᠍ᠯ᠎ᠤᠨ ᠨᠡᠮᠡᠯᠲᠡ ᠦᠨ᠎ᠡ ᠵᠢ ᠠᠯᠬᠤᠮ ᠠᠯᠬᠤᠮ ᠵᠶ᠋ᠠᠷ ᠬᠦᠴᠦᠨ ᠦᠭᠡᠢ ᠪᠣᠯᠭ᠋ᠠᠵᠤ᠂ ᠡᠮ᠎ᠤᠨ ᠣᠷᠣᠯᠭ᠎ᠠ᠎ᠪᠠᠷ ᠡᠮᠨᠡᠯᠭᠡ ᠵᠢᠨ ᠬᠣᠷᠢᠶ᠎ᠠ ᠵᠢ ᠲᠡᠵᠢᠭᠡᠬᠦ ᠲᠣᠭᠲᠠᠴᠠ ᠵᠢ ᠡᠪᠳᠡᠵᠦ᠂ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠬᠠᠮᠢᠶ᠎ᠡ ᠪᠦᠬᠦᠢ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠵᠤ᠂ ᠡᠮ ᠡᠮᠨᠡᠯᠭᠡ ᠵᠢᠨ ᠥᠪᠡᠷ᠎ᠤᠨ ᠦᠷᠳᠡᠭ᠎ᠢ ᠵᠦᠢ ᠵᠤᠬᠢᠰ ᠦᠭᠡᠢ᠎ᠪᠠᠷ ᠨᠡᠮᠡᠭᠳᠡᠭᠦᠯᠬᠦ ᠵᠢ ᠡᠬᠢ ᠡᠭᠦᠰᠦᠯ᠎ᠠᠴᠠ᠎ᠨᠢ ᠬᠢᠵᠠᠭ᠋ᠠᠷᠯᠠᠪᠠ᠃
      ᠲᠠᠪᠤ᠎ᠳᠤ ᠦᠨ᠎ᠡ ᠬᠠᠩᠰᠢ ᠵᠢᠨ ᠰᠠᠯᠠᠭ᠎ᠠ ᠮᠥᠴᠢᠷ᠎ᠠᠴᠠ ᠮᠠᠨ᠎ᠤ ᠣᠷᠣᠨ᠎ᠤ 《ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ (2012 ᠣᠨ᠎ᠤ ᠬᠡᠪᠯᠡᠯ)》᠎ᠳᠤ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠦᠨ᠎ᠡ ᠬᠠᠩᠰᠢ ᠵᠢ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢ ᠪᠠᠶ᠋ᠢᠭᠤᠯᠵᠤ᠂ ᠲᠦᠷᠦᠯ ᠵᠦᠢ᠍ᠯ᠎ᠤᠨ ᠦᠨ᠎ᠡ ᠬᠠᠩᠰᠢ ᠵᠢᠨ ᠠᠵᠢᠯᠯᠠᠭ᠋ᠠᠨ᠎ᠤ ᠪᠠᠶ᠋ᠢᠳᠠᠯ᠎ᠤᠨ ᠲᠤᠬᠠᠶ ᠮᠥᠷᠳᠡᠨ ᠦᠨᠡᠯᠡᠨ ᠵᠢᠱ᠌ᠢᠬᠥ ᠪᠠ ᠬᠥᠳᠡᠯᠦᠩᠭᠦᠶ ᠲᠤᠬᠢᠷᠠᠭᠤᠯᠤᠯᠳᠠ ᠬᠢᠵᠦ᠂ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠣᠷᠣᠯᠭ᠎ᠠ ᠲᠣᠭᠲᠠᠪᠤᠷᠢᠵᠢᠭᠤᠯᠵᠤ᠂ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠳᠠᠭ᠋ᠠᠭ᠋ᠠᠵᠤ ᠳᠡᠢ᠌ᠯᠦᠬᠦᠢ᠌ᠴᠡ᠂ ᠤᠯᠠᠨ ᠲᠦᠮᠡᠨ᠎ᠤ ᠡᠮᠴᠢᠯᠡᠭᠡ ᠬᠦᠯᠢᠶᠡᠬᠦ ᠵᠠᠷᠤᠳᠠᠯ᠎ᠤᠨ ᠡᠭᠦᠷᠭᠡᠯᠡᠯ᠎ᠢ ᠨᠡᠮᠡᠭᠳᠡᠭᠦᠯᠬᠦ ᠦᠭᠡᠢ ᠪᠠᠢ᠌ᠬᠤ ᠵᠢ ᠦᠨᠡᠨ ᠬᠦ᠌ ᠪᠠᠲᠤᠯᠠᠵᠤ᠂ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠤᠨ ᠠᠶᠤᠯ ᠲᠦᠭᠰᠢᠭᠦᠷᠢ ᠵᠢ ᠬᠠᠮᠤᠭ᠎ᠤᠨ ᠳᠣᠣᠷ᠎ᠠ ᠬᠡᠮᠵᠢᠶᠡᠨ᠎ᠳᠤ ᠬᠦᠷᠲᠡᠯ᠎ᠡ ᠪᠠᠭᠤᠷᠠᠭᠤᠯᠪᠠ᠃ ᠡᠭᠦᠨ᠎ᠤ ᠬᠠᠮᠲᠤ᠂ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠦᠨ᠎ᠡ ᠬᠠᠩᠰᠢ ᠵᠢᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠢᠨᠠᠨ ᠪᠠᠶ᠋ᠢᠴᠠᠭ᠋ᠠᠬᠤ ᠠᠵᠢᠯ᠎ᠢ ᠴᠢᠨᠭ᠌ᠭ᠋ᠠᠳᠬᠠᠪᠠ᠃
      ᠵᠢᠷᠭᠤᠭ᠎ᠠ᠎ᠳᠤ ᠤᠬᠠᠭᠤᠯᠭ᠎ᠠ ᠵᠢᠨ ᠡᠷᠴᠢᠮ᠎ᠢ ᠨᠡᠮᠡᠭᠳᠡᠭᠦᠯᠦᠨ᠂ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠳᠤ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠵᠢ ᠲᠣᠬᠢᠷᠠᠭᠤᠯᠬᠤ ᠴᠢᠬᠤᠯᠠ ᠴᠢᠨᠠᠷ᠂ ᠠᠭᠤᠯᠤᠭᠳᠠᠬᠤᠨ᠂ ᠠᠴᠢ ᠬᠣᠯᠪᠣᠭᠳᠠᠯ ᠪᠣᠯᠣᠨ ᠡᠯ᠎ᠡ ᠲᠠᠯ᠎ᠠ ᠵᠢᠨ ᠪᠣᠳᠠᠲᠤ ᠨᠥᠯᠥᠭᠡ ᠵᠢ ᠭᠦᠢ᠍ᠴᠡᠳ ᠣᠢ᠌ᠯᠠᠭ᠋ᠠᠭᠤᠯᠪᠠ᠃
      ᠬᠥᠲᠥᠯᠥᠭᠴᠢ᠄
     2004 ᠣᠨ᠎ᠤ ᠬᠡᠪᠯᠡᠯ᠎ᠤᠨ ᠦᠨ᠎ᠡ ᠬᠠᠩᠰᠢ ᠵᠢᠨ ᠭᠠᠷᠴᠠᠭ᠎ᠲᠠᠢ ᠬᠠᠷᠢᠴᠠᠭᠤᠯᠪᠠᠯ᠂ ᠰᠢᠨ᠎ᠡ ᠬᠡᠪᠯᠡᠯ᠎ᠤᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠵᠢᠨ ᠭᠠᠷᠴᠠᠭ ᠶᠠᠮᠠᠷ ᠶᠠᠮᠠᠷ ᠬᠤᠪᠢᠷᠠᠯᠲᠠ ᠪᠣᠯᠣᠨ ᠣᠨᠴᠠᠯᠢᠭ᠎ᠲᠠᠢ ᠪᠤᠶ? ᡼
      ᠸᠠᠩ ᠵᠢᠨ ᠪᠣᠣ᠄
      ᠰᠢᠨ᠎ᠡ ᠬᠡᠪᠯᠡᠯ᠎ᠤᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠭᠠᠷᠴᠠᠭ᠎ᠲᠤ ᠲᠥᠷᠥᠯ ᠵᠦᠢ᠍ᠯ᠎ᠤᠨ ᠨᠣᠮᠧᠷ᠂ ᠲᠥᠷᠥᠯ ᠵᠦᠢ᠍ᠯ᠎ᠤᠨ ᠨᠡᠷᠡᠶ᠋ᠢᠳᠦᠯ᠂ ᠲᠥᠷᠥᠯ ᠵᠦᠢ᠍ᠯ᠎ᠤᠨ ᠠᠭᠤᠯᠤᠭᠳᠠᠬᠤᠨ᠂ ᠠᠭᠤᠯᠤᠭᠳᠠᠬᠤᠨ᠎ᠤ ᠨᠢᠭᠡ ᠯᠡ ᠤᠳᠠᠭ᠎ᠠ ᠵᠢᠨ ᠴᠢᠨᠠᠷᠲᠠᠶ ᠬᠣᠷᠣᠭᠳᠠᠬᠤ ᠮᠠᠲᠸᠷᠢᠶᠠᠯ᠂ ᠡᠭᠦᠨ᠎ᠳᠤ ᠪᠠᠭᠲᠠᠬᠤ ᠤᠢ᠍ᠭᠡᠢ ᠠᠭᠤᠯᠭ᠎ᠠ᠂ ᠲᠥᠷᠥᠯ ᠵᠦᠢ᠍ᠯ᠎ᠤᠨ ᠦᠨ᠎ᠡ ᠬᠠᠩᠰᠢ᠂ ᠦᠨ᠎ᠡ ᠪᠣᠳᠣᠬᠣ ᠨᠢᠭᠡᠴᠢ᠂ ᠦᠨ᠎ᠡ ᠪᠤᠳᠤᠬᠤ ᠲᠣᠳᠣᠷᠬᠠᠶ᠋ᠢᠯᠠᠯᠲᠠ ᠵᠡᠷᠭᠡ ᠨᠠᠢ᠍ᠮᠠᠨ ᠬᠡᠰᠡᠭ᠎ᠢ ᠪᠠᠭᠲᠠᠭ᠋ᠠᠵᠤ᠂ ᠪᠦᠲᠦᠴᠡ᠎ᠨᠢ 2004 ᠣᠨ᠎ᠤ ᠬᠡᠪᠯᠡᠯ᠎ᠲᠠᠢ ᠦᠨᠳᠦᠰᠦᠨ᠎ᠳᠡᠭᠡᠨ ᠠᠳᠠᠯᠢᠬᠠᠨ ᠪᠣᠯᠪᠠᠴᠣ ᠪᠠᠰᠠ ᠢᠯᠭ᠋ᠠᠭ᠎ᠠ᠎ᠲᠠᠢ ᠵᠦᠢ᠍ᠯ ᠪᠠᠢ᠌ᠨ᠎ᠠ᠄ ᠨᠢᠭᠡ᠎ᠳᠤ 《  ᠠᠭᠤᠯᠤᠭᠳᠠᠬᠤᠨ᠎ᠤ ᠨᠢᠭᠡ ᠯᠡ ᠤᠳᠠᠭ᠎ᠠ ᠵᠢᠨ ᠴᠢᠨᠠᠷᠲᠠᠶ ᠬᠣᠷᠣᠭᠳᠠᠬᠤ ᠮᠠᠲᠸᠷᠢᠶᠠᠯ》 ᠭᠡᠬᠥ ᠪᠣᠯᠣᠨᠭ᠌᠎ᠢ ᠨᠡᠮᠡᠪᠡ᠃ ᠪᠢᠳᠡ ᠦᠨ᠎ᠡ ᠲᠣᠭᠲᠠᠭ᠋ᠠᠬᠤ᠎ᠳᠠᠭᠠᠨ᠂ ᠡᠮᠴᠢᠯᠡᠭᠡᠨ᠎ᠤ ᠦᠢ᠍ᠯᠡᠴᠢᠯᠡᠭᠡᠨ᠎ᠤ ᠶᠠᠪᠤᠴᠠ᠎ᠳᠠᠬᠢ ᠡᠩ᠎ᠤᠨ ᠬᠡᠷᠡᠭᠯᠡᠬᠦ ᠨᠢᠭᠡ ᠯᠡ ᠤᠳᠠᠭ᠎ᠠ ᠵᠢᠨ ᠴᠢᠨᠠᠷᠲᠠᠶ ᠬᠣᠷᠣᠭᠳᠠᠬᠤ ᠮᠠᠲᠸᠷᠢᠶᠠᠯ᠎ᠢ ᠪᠣᠭᠣᠳᠠᠯᠯᠠᠨ ᠥᠪᠡᠷ᠎ᠤᠨ ᠦᠷᠳᠡᠭ᠎ᠲᠤ ᠪᠣᠳᠣᠨ ᠣᠷᠤᠭᠤᠯᠪᠠ᠂ ᠵᠢᠱ᠌ᠢᠶᠡᠯᠡᠪᠡᠯ ᠨᠢᠭᠡ ᠯᠡ ᠤᠳᠠᠭ᠎ᠠ ᠵᠢᠨ ᠴᠢᠨᠠᠷᠲᠠᠶ ᠲᠠᠷᠢᠯᠭ᠎ᠠ ᠵᠢᠨ ᠬᠡᠷᠡᠭᠰᠡᠯ᠂ ᠰᠢᠩᠭᠡᠨ᠎ᠤ ᠶᠡᠭᠦᠯᠡᠭᠦᠷ᠂ ᠨᠢᠭᠡ ᠯᠡ ᠤᠳᠠᠭ᠎ᠠ ᠬᠡᠷᠡᠭᠯᠡᠬᠦ ᠴᠠᠬᠢᠯᠭ᠋ᠠᠨ ᠬᠢᠲᠤᠭ᠋ᠠᠨ᠎ᠤ ᠦᠵᠦᠭᠦᠷ ᠵᠡᠷᠭᠡ᠎ᠨᠢ ᠲᠥᠷᠥᠯ ᠵᠦᠢ᠍ᠯ᠎ᠤᠨ ᠦᠨ᠎ᠡ ᠬᠠᠨᠭ᠌ᠰᠢ ᠵᠢᠨ ᠳᠣᠲᠣᠷ᠎ᠠ ᠪᠠᠭᠲᠠᠵᠤ᠂ ᠠᠰᠲᠠᠭ᠋ᠠᠨ ᠵᠠᠷᠤᠳᠠᠯ ᠬᠤᠷᠢᠶᠠᠬᠤ ᠦᠭᠡᠢ᠂ ᠡᠢ᠌ᠮᠦᠷᠬᠥ ᠬᠢᠳᠡᠯ᠎ᠨᠢ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠥᠪᠡᠷ᠎ᠤᠨ ᠦᠷᠳᠡᠭ ᠵᠶ᠋ᠠᠨ ᠬᠢᠵᠠᠭ᠋ᠠᠷᠯᠠᠵᠤ᠂ ᠡᠮ ᠡᠮᠨᠡᠯᠭᠡ ᠵᠢᠨ ᠵᠠᠷᠤᠳᠠᠯ ᠬᠤᠷᠢᠶᠠᠬᠤ ᠥᠢ᠍ᠯᠡ ᠠᠵᠢᠯᠯᠠᠭ᠎ᠠ ᠵᠢ ᠵᠢᠷᠤᠮᠵᠢᠭᠤᠯᠬᠤ᠎ᠳᠤ ᠠᠰᠢᠭᠲᠠᠢ ᠶᠤᠮ; ᠬᠣᠶᠠᠷ᠎ᠲᠤ ᠲᠥᠷᠥᠯ ᠵᠦᠢ᠍ᠯ᠎ᠤᠨ ᠠᠭᠤᠯᠤᠭᠳᠠᠬᠤᠨ᠎ᠨᠢ 2004 ᠣᠨ᠎ᠤ ᠬᠡᠪᠯᠡᠯ᠎ᠠᠴᠠ ᠨᠠᠷᠢᠯᠢᠭ᠂ ᠲᠥᠷᠥᠯ ᠵᠦᠢ᠍ᠯ ᠨᠢᠭᠡᠪᠦᠷᠢ ᠵᠢᠨ ᠠᠵᠢᠯᠯᠠᠭ᠎ᠠ ᠵᠢ ᠨᠠᠷᠢᠨ ᠲᠣᠳᠣᠷᠬᠠᠶ ᠵᠠᠭ᠋ᠠᠭᠯᠠᠨ ᠲᠣᠭᠲᠠᠭ᠋ᠠᠵᠤ ᠲᠣᠳᠣᠷᠬᠠᠢ᠌ᠯᠠᠭᠰᠠᠨ ᠪᠥᠭᠡᠳ ᠰᠢᠨ᠎ᠡ ᠬᠡᠪᠯᠡᠯ᠎ᠤᠨ ᠲᠥᠷᠥᠯ ᠵᠦᠢ᠍ᠯ᠎ᠨᠢ ᠡᠮᠴᠢᠯᠡᠭᠡᠨ᠎ᠤ ᠠᠵᠢᠯᠯᠠᠭ᠎ᠠ ᠵᠢᠨ ᠬᠠᠮᠤᠭ᠎ᠤᠨ ᠰᠢᠨ᠎ᠡ ᠲᠥᠷᠥᠯ ᠵᠦᠢ᠍ᠯ ᠪᠣᠯᠬᠤᠷ ᠡᠮ ᠡᠮᠨᠡᠯᠭᠡ ᠵᠢᠨ ᠪᠠᠶ᠋ᠢᠭᠤᠯᠤᠮᠵᠢ᠎ᠠᠴᠠ ᠳᠤᠷ᠎ᠠ᠎ᠪᠠᠷ ᠵᠶ᠋ᠠᠨ ᠵᠠᠳᠠᠯᠤᠨ ᠰᠠᠯᠭ᠋ᠠᠬᠤ ᠵᠢ ᠵᠥᠪᠰᠢᠶᠡᠷᠡᠬᠦ ᠦᠭᠡᠢ ᠪᠠᠢ᠌ᠵᠤ᠂ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠵᠠᠷᠤᠳᠠᠯ ᠬᠤᠷᠢᠶᠠᠬᠤ ᠥᠢ᠍ᠯᠡ ᠠᠵᠢᠯᠯᠠᠭ᠎ᠠ ᠵᠢ ᠵᠢᠷᠤᠮᠵᠢᠭᠤᠯᠬᠤ᠎ᠳᠤ ᠠᠰᠢᠭᠲᠠᠶ ᠶᠤᠮ᠃
      ᠬᠥᠲᠥᠯᠥᠭᠴᠢ᠄
      ᠰᠢᠨ᠎ᠡ ᠬᠡᠪᠯᠡᠯ᠎ᠤᠨ ᠦᠨ᠎ᠡ ᠬᠠᠩᠰᠢ ᠵᠢᠨ ᠭᠠᠷᠴᠠᠭ᠎ᠲᠠᠬᠢ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠲᠣᠭ᠎ᠠ 8000 ᠭᠠᠷᠤᠶ ᠪᠠᠢ᠌ᠨ᠎ᠠ᠂ ᠮᠠᠨ᠎ᠤ ᠣᠷᠣᠨ᠎ᠤ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠵᠠᠷᠤᠳᠠᠯ ᠬᠤᠷᠢᠶᠠᠬᠤ ᠲᠥᠷᠥᠯ ᠵᠦᠢ᠍ᠯ᠎ᠢ ᠴᠥᠮ ᠲᠡᠭᠦᠨ᠎ᠤ ᠳᠣᠲᠣᠷ᠎ᠠ ᠣᠷᠣᠭᠣᠯᠣᠨ᠎ᠠ ᠦᠦ? ᠠᠳᠠᠯᠢ ᠪᠤᠰᠤ ᠳᠡᠰ᠎ᠤᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠵᠠᠷᠤᠳᠠᠯ ᠬᠤᠷᠢᠶᠠᠬᠤ ᠪᠠᠷᠢᠮᠵᠢᠶ᠎ᠠ ᠵᠢ ᠬᠡᠷᠬᠢᠨ ᠲᠣᠭᠲᠠᠭ᠋ᠠᠬᠤ ᠪᠤᠢ?
      ᠸᠠᠩ ᠵᠢᠨ ᠪᠣᠣ᠄
      ᠤᠯᠤᠰ᠎ᠠᠴᠠ ᠳᠣᠷᠣᠭᠰᠢ ᠪᠠᠭᠤᠯᠭ᠋ᠠᠭᠰᠠᠨ 《ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠵᠢᠷᠤᠮᠵᠢᠯ᠎ᠤᠨ 2012 ᠣᠨ᠎ᠤ ᠬᠡᠪᠯᠡᠯ》᠎ᠳᠤ ᠨᠡᠢ᠍ᠢ᠍ᠳᠠ 9365 ᠲᠥᠷᠥᠯ ᠵᠦᠢ᠍ᠯ ᠠᠭᠤᠯᠤᠭᠳᠠᠵᠤ᠂ ᠮᠠᠨ᠎ᠤ ᠣᠷᠣᠨ᠎ᠤ 2012 ᠣᠨ᠎ᠤ ᠬᠡᠪᠯᠡᠯ᠎ᠤᠨ ᠲᠥᠷᠥᠯ ᠵᠦᠢ᠍ᠯ 8754 ᠪᠠᠢ᠌ᠵᠤ᠂ ᠮᠠᠨ᠎ᠤ ᠣᠷᠣᠨ᠎ᠤ ᠣᠳᠣᠬᠢ ᠱᠠᠲᠤᠨ᠎ᠤ ᠪᠣᠢ ᠪᠦᠬᠦᠢ ᠲᠦᠷᠥᠯ ᠵᠦᠢ᠍ᠯ᠎ᠢ ᠲᠥᠪᠯᠡᠷᠡᠭᠦᠯᠪᠡ᠃ ᠡᠮ ᠡᠮᠨᠡᠯᠭᠡ ᠵᠢᠨ ᠮᠡᠷᠭᠡᠵᠢᠯ᠎ᠤᠨ ᠬᠥᠭᠵᠢᠯᠲᠡ ᠵᠢ ᠳᠠᠭ᠋ᠠᠯᠳᠤᠨ᠂   ᠵᠠᠯᠭ᠋ᠠᠯᠳᠤᠭ᠋ᠠᠪᠠᠷ ᠪᠠᠰᠠ ᠰᠢᠨ᠎ᠡ ᠲᠥᠷᠥᠯ ᠵᠦᠢ᠍ᠯ ᠮᠠᠨ᠎ᠤ ᠣᠷᠣᠨ᠎ᠤ ᠰᠢᠨ᠎ᠡ ᠬᠡᠪᠯᠡᠯ᠎ᠤᠨ ᠦᠨ᠎ᠡ ᠬᠠᠩᠰᠢ᠎ᠳᠤ ᠨᠥᠬᠦᠪᠦᠷᠢᠯᠡᠭᠳᠡᠵᠦ ᠣᠷᠣᠬᠣ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠦᠪᠯᠡᠯ᠎ᠤᠨ ᠡᠮᠨᠡᠯᠭᠡ ᠵᠢᠨ ᠬᠤᠷᠢᠶᠠᠨ᠎ᠤ ᠵᠡᠷᠭᠡ ᠳᠡᠰ᠎ᠤᠨ ᠲᠣᠭᠲᠠᠭ᠋ᠠᠯᠲᠠ ᠶᠣᠰᠣᠭ᠋ᠠᠷ᠂ ᠭᠤᠷᠪᠠᠳᠤᠭ᠋ᠠᠷ ᠳᠡᠰ᠂ ᠬᠣᠶᠠᠳᠤᠭ᠋ᠠᠷ ᠳᠡᠰ᠂ ᠨᠢᠭᠡᠳᠦᠭᠡᠷ ᠳᠡᠰ (ᠦᠨᠳᠦᠰᠦᠨ ᠱᠠᠲᠤᠨ᠎ᠤ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ)   ᠭᠡᠵᠦ ᠬᠤᠪᠢᠶᠠᠨ᠂ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠪᠠᠰᠠ ᠡᠮᠨᠡᠯᠭᠡ ᠵᠢᠨ ᠬᠤᠷᠢᠶᠠᠨ᠎ᠤ ᠵᠡᠷᠭᠡ ᠳᠡᠰ ᠵᠶ᠋ᠠᠷ ᠬᠠᠨᠭ᠌ᠰᠢᠯᠠᠵᠤ ᠪᠣᠯᠤᠨ᠎ᠠ᠃ ᠭᠤᠷᠪᠠᠳᠤᠭ᠋ᠠᠷ ᠳᠡᠰ᠎ᠤᠨ ᠦᠨ᠎ᠡ ᠬᠠᠩᠰᠢ ᠬᠠᠮᠤᠭ ᠥᠨᠳᠥᠷ ᠪᠠᠶ᠋ᠢᠵᠤ᠂ ᠬᠣᠶᠠᠳᠤᠭ᠋ᠠᠷ ᠳᠡᠰ᠂ ᠨᠢᠭᠡᠳᠦᠭᠡᠷ ᠳᠡᠰ᠎ᠨᠢ ᠳᠤᠮᠳᠠᠴᠢ᠎ᠪᠠᠷ 10%᠎ᠪᠠᠷ ᠱᠠᠲᠦ ᠳᠠᠷᠠᠭ᠋ᠠᠯᠠᠨ ᠳᠣᠷᠣᠭᠰᠢᠯᠠᠵᠤ᠂ ᠨᠢᠭᠡᠳᠦᠭᠡᠷ ᠳᠡᠰ᠎ᠤᠨ ᠡᠮᠨᠡᠯᠭᠡ ᠵᠢᠨ ᠬᠣᠷᠢᠶ᠎ᠠ (ᠦᠨᠳᠦᠰᠦᠨ ᠱᠠᠲᠤᠨ᠎ᠤ ᠡᠮ ᠡᠮᠨᠡᠯᠭᠡ ᠵᠢᠨ ᠪᠠᠶ᠋ᠢᠭᠤᠯᠤᠮᠵᠢ) ᠵᠢᠨ ᠥᠷᠨᠢᠭᠦᠯᠵᠦ ᠳᠡᠢ᠌ᠯᠬᠥ ᠲᠥᠷᠥᠯ ᠵᠦᠢ᠍ᠯ᠎ᠨᠢ ᠲᠤᠶ᠋ᠢᠯ᠎ᠤᠨ ᠬᠢᠵᠠᠭ᠋ᠠᠷ᠎ᠲᠠᠢ ᠪᠠᠢ᠌ᠵᠤ᠂ ᠭᠣᠣᠯᠳᠠᠭᠤ ᠵᠡᠭᠦᠦ ᠲᠠᠷᠢᠯᠭ᠎ᠠ᠂ ᠰᠢᠩᠭᠡᠨ ᠶᠡᠭᠦᠯᠡᠬᠦ᠂ ᠡᠮ ᠰᠣᠯᠢᠬᠤ᠎ᠪᠠᠷ ᠭᠣᠣᠯᠯᠠᠭᠤᠯᠤᠨ᠎ᠠ᠃
      ᠬᠥᠲᠥᠯᠥᠭᠴᠢ᠄
      ᠶᠠᠭ᠋ᠠᠬᠢᠭ᠋ᠠᠳ ᠬᠥᠬᠡᠬᠣᠲᠠ᠂ ᠲᠦᠩᠯᠢᠶᠣᠤ᠂ ᠣᠷᠳᠣᠰ ᠪᠣᠯᠣᠨ ᠦᠬᠠᠶ ᠬᠤᠳᠠ ᠵᠢ ᠰᠣᠩᠭᠣᠵᠤ ᠰᠢᠨ᠎ᠡ ᠬᠡᠪᠯᠡᠯ᠎ᠤᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠵᠢᠨ ᠲᠤᠷᠰᠢᠯᠲᠠ ᠵᠢᠨ ᠴᠢᠭ᠋᠎ᠤᠨ ᠭᠠᠵᠠᠷ ᠣᠷᠣᠨ ᠪᠣᠯᠭ᠋ᠠᠭᠰᠠᠨ ᠪᠤᠢ?
      ᠸᠠᠩ ᠵᠢᠨ ᠪᠣᠣ᠄
      ᠳᠡᠭᠡᠷ᠎ᠡ ᠳᠤᠷᠠᠳᠤᠭᠰᠠᠨ ᠭᠠᠵᠠᠷ ᠣᠷᠣᠨ᠎ᠢ ᠰᠣᠩᠭᠣᠨ ᠲᠤᠷᠰᠢᠯᠲᠠ ᠴᠢᠭ᠋ ᠪᠣᠯᠭ᠋ᠠᠭᠰᠠᠨ ᠭᠣᠣᠯ ᠪᠣᠳᠣᠯᠬᠢᠯᠠᠯ ᠭᠡᠪᠡᠯ᠄ ᠡᠨᠡ ᠲᠦ᠍ᠷᠪᠡᠨ ᠭᠠᠵᠠᠷ ᠥᠪᠡᠷᠲᠡᠭᠡᠨ ᠵᠠᠰᠠᠬᠤ ᠣᠷᠣᠨ᠎ᠤ ᠬᠤᠳᠠ ᠵᠢᠨ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶᠠᠨ᠎ᠤ ᠥᠭᠡᠷᠡᠴᠢᠯᠡᠯᠲᠡ ᠵᠢᠨ ᠲᠤᠷᠰᠢᠯᠲᠠ ᠵᠢᠨ ᠴᠢᠭ᠋᠎ᠤᠨ ᠭᠠᠵᠠᠷ ᠣᠷᠣᠨ᠎ᠳᠤ ᠬᠠᠷᠢᠶᠠᠯᠠᠭᠳᠠᠵᠤ᠂ 15% ᠵᠢᠨ ᠡᠮ᠎ᠤᠨ ᠵᠦᠢ᠍ᠯ᠎ᠤᠨ ᠨᠡᠮᠡᠯᠲᠡ ᠦᠨ᠎ᠡ (ᠦᠨᠡᠨ᠎ᠳᠡᠭᠡᠨ 12 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠥᠬᠡᠬᠣᠲᠠ ᠣᠷᠣᠨ᠎ᠤ ᠪᠤᠶ ᠪᠦᠬᠦᠢ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶ᠎ᠠ ᠴᠦᠮ ᠨᠡᠮᠡᠯᠲᠡ ᠦᠨ᠎ᠡ ᠵᠢ ᠬᠦᠴᠦᠨ ᠦᠭᠡᠢ ᠪᠣᠯᠭ᠋ᠠᠪᠠ) ᠵᠢ ᠨᠢᠭᠡᠳᠦᠯᠲᠡᠶ ᠬᠦᠴᠦᠨ ᠦᠭᠡᠢ ᠪᠣᠯᠭ᠋ᠠᠵᠤ᠂ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠪᠣᠳᠠᠲᠠᠶ ᠣᠷᠣᠯᠭ᠎ᠠ ᠡᠭᠦᠨ᠎ᠠᠴᠠ ᠪᠣᠯᠵᠤ ᠪᠠᠭᠤᠷᠠᠭᠰᠠᠨ ᠪᠣᠯᠬᠣᠷ ᠲᠦᠷᠦ ᠵᠢᠨ ᠪᠤᠳᠤᠯᠭ᠎ᠠ ᠵᠢᠨ ᠬᠠᠷᠭ᠋ᠠᠯᠵᠠᠯ ᠵᠶ᠋ᠠᠷ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠬᠠᠰᠤᠭᠳᠠᠭᠰᠠᠨ ᠣᠷᠣᠯᠭ᠎ᠠ ᠵᠢ ᠨᠥᠬᠥᠪᠥᠷᠢᠯᠡᠬᠦ ᠴᠢᠬᠤᠯᠡ᠎ᠲᠠᠢ᠃ ᠰᠢᠨ᠎ᠡ ᠬᠡᠪᠯᠡᠯ᠎ᠤᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ᠎ᠨᠢ ᠥᠭᠡᠷᠡᠴᠢᠯᠡᠯᠲᠡ ᠵᠢᠨ ᠢᠵᠢ ᠪᠥᠷᠢᠳᠥᠭᠰᠡᠨ ᠲᠥᠷᠥ ᠵᠢᠨ ᠪᠣᠳᠣᠯᠭ᠎ᠠ ᠪᠣᠯᠤᠭᠰᠠᠨ᠎ᠤ ᠬᠤᠪᠢ᠎ᠳᠤ ᠰᠢᠨ᠎ᠡ ᠲᠤᠷᠰᠢᠯᠲᠠ ᠵᠢᠨ ᠴᠢᠭ᠋᠎ᠤᠨ ᠭᠠᠵᠠᠷ ᠣᠷᠣᠨ᠎ᠳᠤ ᠤᠷᠢᠳᠠᠪᠠᠷ ᠬᠡᠷᠡᠭᠵᠢᠭᠦᠯᠵᠦ᠂ ᠦᠨ᠎ᠡ ᠬᠠᠩᠰᠢ ᠲᠣᠭᠲᠠᠭ᠋ᠠᠬᠤ ᠰᠢᠨᠵᠢᠯᠡᠬᠦ ᠤᠬᠠᠭ᠋ᠠᠨᠴᠢ ᠴᠢᠨᠠᠷ᠎ᠢ ᠰᠢᠯᠭ᠋ᠠᠨ ᠪᠠᠲᠤᠯᠠᠬᠤ ᠵᠢᠨ ᠬᠠᠮᠲᠤ ᠪᠠᠰᠠ ᠡᠮ᠎ᠤᠨ ᠵᠦᠢ᠍ᠯ᠎ᠤᠨ ᠬᠣᠪᠢᠳᠠᠯ ᠨᠡᠮᠡᠯᠲᠡ ᠵᠢ ᠬᠦᠴᠦᠨ ᠦᠭᠡᠢ ᠪᠣᠯᠭ᠋ᠠᠭᠰᠠᠨ᠎ᠠᠴᠠ ᠡᠭᠦᠰᠦᠭᠰᠡᠨ ᠥᠷᠢ ᠰᠢᠷᠢ ᠵᠢ ᠦᠨᠳᠦᠰᠦᠨ᠎ᠳᠡᠭᠡᠨ ᠨᠥᠬᠥᠪᠥᠷᠢᠯᠡᠵᠦ ᠪᠣᠯᠤᠨ᠎ᠠ᠃
      ᠬᠥᠲᠥᠯᠥᠭᠴᠢ᠄
      ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠵᠢᠨ ᠲᠣᠬᠢᠷᠠᠭᠤᠯᠤᠯᠲᠠ᠎ᠨᠢ ᠤᠯᠠᠨ ᠲᠦᠮᠡᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠳᠠᠩᠰᠠ ᠲᠠᠶ᠋ᠢᠯᠬᠤ ᠵᠢ ᠨᠥᠯᠦᠭᠡᠯᠡᠨ᠎ᠡ ᠦᠦ?
      ᠸᠠᠩ ᠵᠢᠨ ᠪᠣᠣ᠄
      ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠵᠢᠨ ᠲᠣᠬᠢᠷᠠᠭᠤᠯᠤᠯᠲᠠ᠎ᠨᠢ ᠤᠯᠠᠨ ᠲᠦᠮᠡᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠳᠠᠩᠰᠠ ᠲᠠᠶ᠋ᠢᠯᠬᠤ ᠵᠢ ᠨᠥᠯᠥᠭᠡᠯᠡᠬᠦ ᠦᠭᠡᠢ ᠶᠤᠮ᠃ 2016 ᠣᠨ᠎ᠠᠴᠠ ᠡᠬᠢᠯᠡᠨ᠂ ᠮᠠᠨ᠎ᠤ ᠣᠷᠣᠨ᠎ᠳᠤ 2004 ᠣᠨ᠎ᠤ ᠬᠡᠪᠯᠡᠯ ᠪᠣᠯᠣᠨ 2012 ᠣᠨ᠎ᠤ ᠬᠡᠪᠯᠡᠯ᠎ᠤᠨ ᠣᠨᠣᠰᠢᠯᠠᠨ ᠡᠮᠨᠡᠬᠦ ᠲᠥᠷᠥᠯ ᠵᠦᠢ᠍ᠯ᠎ᠢ ᠵᠡᠷᠭᠡ᠎ᠪᠠᠷ ᠬᠡᠷᠡᠭᠯᠡᠬᠦ ᠪᠠᠶ᠋ᠢᠳᠠᠯ ᠡᠭᠦᠰᠬᠦ ᠪᠣᠯᠣᠨ᠎ᠠ᠃ ᠡᠭᠦᠨ᠎ᠳᠤ ᠬᠥᠬᠡᠬᠣᠲᠠ᠂ ᠲᠦᠩᠯᠢᠶᠣᠤ ᠬᠤᠳᠠ᠂ ᠤᠷᠳᠤᠰ ᠬᠤᠳᠠ ᠪᠣᠯᠣᠨ ᠦᠬᠠᠶ ᠬᠤᠳᠠ 2012 ᠣᠨ᠎ᠤ ᠬᠡᠪᠯᠡᠯ᠎ᠤᠨ ᠣᠨᠣᠰᠢᠯᠠᠨ ᠡᠮᠨᠡᠬᠦ ᠲᠥᠷᠥᠯ ᠵᠦᠢ᠍ᠯ᠎ᠤᠨ ᠭᠠᠷᠴᠠᠭ᠎ᠢ ᠬᠡᠷᠡᠭᠯᠡᠬᠥ ᠵᠢᠨ ᠬᠠᠮᠲᠤ᠂ ᠪᠤᠰᠤᠳ 8 ᠠᠶ᠋ᠢᠮᠠᠭ ᠬᠤᠳᠠ᠎ᠨᠤᠭᠤᠳ 2004 ᠣᠨ᠎ᠤ ᠬᠡᠪᠯᠡᠯ᠎ᠤᠨ ᠣᠨᠣᠰᠢᠯᠠᠨ ᠡᠮᠨᠡᠬᠦ ᠲᠥᠷᠥᠯ ᠵᠦᠢ᠍ᠯ᠎ᠤᠨ ᠭᠠᠷᠴᠠᠭ᠎ᠢ ᠦᠷᠭᠦᠯᠵᠢᠯᠡᠨ ᠬᠡᠷᠡᠭᠯᠡᠨ᠎ᠡ᠃ 2004 ᠣᠨ᠎ᠤ ᠬᠡᠪᠯᠡᠯ᠂ 2012 ᠣᠨ᠎ᠤ ᠬᠡᠪᠯᠡᠯ᠎ᠤᠨ ᠣᠨᠣᠰᠢᠯᠠᠨ ᠡᠮᠨᠡᠬᠦ ᠲᠥᠷᠥᠯ ᠵᠦᠢ᠍ᠯ᠎ᠢ ᠵᠡᠷᠭᠡᠪᠡᠷ ᠬᠡᠷᠡᠭᠯᠡᠪᠡᠯ 2012 ᠣᠨ᠎ᠤ ᠬᠡᠪᠯᠡᠯ᠎ᠤᠨ ᠣᠨᠣᠰᠢᠯᠠᠨ ᠡᠮᠨᠡᠬᠦ ᠲᠥᠷᠥᠯ ᠵᠦᠢ᠍ᠯ᠎ᠤᠨ ᠲᠣᠭ᠎ᠠ ᠪᠣᠯᠣᠨ ᠠᠭᠤᠯᠭ᠎ᠠ ᠵᠢᠨ ᠬᠤᠪᠢᠷᠠᠯᠲᠠ ᠨᠡᠯᠢᠶᠡᠳ ᠶᠡᠬᠡ ᠶᠤᠮ᠂ ᠡᠯ᠎ᠡ ᠠᠶ᠋ᠢᠮᠠᠭ ᠬᠣᠲᠠ ᠵᠢᠨ ᠡᠮ ᠡᠮᠨᠡᠯᠭᠡ ᠵᠢᠨ ᠳᠠᠭ᠋ᠠᠳᠬᠠᠯ᠂ ᠡᠮᠨᠡᠯᠭᠡ ᠵᠢᠨ ᠬᠤᠷᠢᠶᠠᠨ᠎ᠤ ᠬᠠᠮᠢᠶᠠᠷᠤᠯᠲᠠ ᠵᠢᠨ ᠬᠡᠪ᠎ᠤᠨ ᠠᠵᠢᠯᠯᠠᠭ᠎ᠠ ᠵᠢ ᠪᠠᠲᠤᠯᠠᠬᠤ ᠵᠢᠨ   ᠬᠠᠮᠲᠤ ᠣᠷᠣᠨ᠎ᠤ ᠳᠣᠲᠣᠷᠠᠬᠢ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠨᠭᠨᠡᠨ ᠪᠤᠳᠤᠬᠤ ᠠᠵᠢᠯ᠎ᠢ ᠰᠠᠶ᠋ᠢᠲᠤᠷ ᠬᠢᠬᠦ ᠵᠢᠨ ᠲᠥᠯᠥᠭᠡ᠂ ᠰᠢᠨ᠎ᠡ ᠬᠡᠪᠯᠡᠯ᠎ᠤᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠳ᠋ᠠᠢ᠌ᠲ᠋ᠠ ᠬᠥᠮᠥᠷᠭᠡ ᠪᠣᠯᠤᠨ ᠰᠢᠨ᠎ᠡ ᠮᠡᠳᠡᠭᠡ ᠵᠠᠩᠭᠢ ᠵᠢᠨ ᠰᠢᠰᠲᠸᠮ᠎ᠢ ᠡᠷᠬᠡᠪᠰᠢ ᠪᠠᠢ᠌ᠭᠤᠯᠵᠤ᠂ ᠤᠳᠤ ᠵᠢᠨ ᠬᠡᠷᠡᠭᠵᠢᠭᠦᠯᠵᠦ ᠪᠠᠶ᠋ᠢᠭ᠎ᠠ ᠡᠮ ᠡᠮᠨᠡᠯᠭᠡ ᠵᠢᠨ ᠳᠠᠭ᠋ᠠᠳᠬᠠᠯ᠎ᠤᠨ 《ᠭᠤᠷᠪᠠᠨ ᠭᠠᠷᠴᠠᠭ》᠎ᠤᠨ ᠬᠠᠮᠢᠶᠠᠷᠤᠯᠲᠠ ᠪᠣᠯᠣᠨ ᠵᠠᠷᠤᠳᠠᠯ᠎ᠤᠨ ᠳ᠋ᠦᠨᠭᠨᠡᠨ ᠪᠣᠳᠣᠯᠲᠠ᠎ᠳᠤ ᠲᠣᠬᠢᠷᠠᠭᠤᠯᠤᠯᠲᠠ ᠬᠢᠵᠦ᠂ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠡᠨ᠎ᠤ ᠡᠮᠴᠢᠯᠡᠭᠦᠯᠬᠦ ᠬᠡᠷᠡᠭᠴᠡᠭᠡ ᠱᠠᠭ᠋ᠠᠷᠳᠠᠯᠭ᠎ᠠ ᠵᠢ ᠦᠨᠡᠨ ᠬᠦ᠌ ᠪᠠᠲᠤᠯᠠᠨ᠎ᠠ᠃ ᠡᠮ ᠡᠮᠨᠡᠯᠭᠡ ᠵᠢᠨ ᠳᠠᠭ᠋ᠠᠳᠬᠠᠯ ᠪᠣᠯᠣᠨ ᠡᠮᠨᠡᠯᠭᠡ ᠵᠢᠨ ᠬᠣᠷᠢᠶ᠎ᠠ᠎ᠠᠴᠠ ᠰᠢᠨ᠎ᠡ ᠬᠡᠪᠯᠡᠯ᠎ᠤᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠳ᠋ᠠᠢ᠌ᠲ᠋ᠠ ᠬᠥᠮᠥᠷᠭᠡ ᠪᠣᠯᠤᠨ ᠰᠢᠨ᠎ᠡ ᠮᠡᠳᠡᠭᠡ ᠵᠠᠩᠭᠢ ᠵᠢᠨ ᠰᠢᠰᠲᠸᠮ᠎ᠤᠨ ᠪᠠᠶ᠋ᠢᠭᠤᠯᠤᠯᠲᠠ ᠵᠢᠨ ᠠᠵᠢᠯ᠎ᠢ ᠪᠡᠶᠡᠯᠡᠭᠦᠯᠦᠭᠰᠡᠨ᠎ᠤ ᠳᠠᠷᠠᠭ᠎ᠠ᠂ ᠡᠯ᠎ᠡ ᠠᠶ᠋ᠢᠮᠠᠭ ᠬᠤᠳᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠬᠣᠭᠣᠷᠣᠨᠳᠣᠬᠢ ᠵᠢᠴᠢ ᠡᠯ᠎ᠡ ᠲᠣᠭᠲᠠᠭᠰᠠᠨ ᠴᠢᠭ᠋᠎ᠤᠨ ᠡᠮᠨᠡᠯᠭᠡ ᠵᠢᠨ ᠬᠤᠷᠢᠶᠠᠨ᠎ᠤ ᠮᠡᠳᠡᠭᠡ ᠵᠠᠩᠭᠢ ᠵᠢᠨ ᠰᠢᠰᠲ᠋ᠧᠮ᠎ᠤᠨ ᠬᠣᠭᠣᠷᠣᠨᠳᠣᠬᠢ ᠲᠤᠬᠠᠶ᠋ᠢᠯᠠᠭᠰᠠᠨ ᠠᠵᠢᠯ᠎ᠤᠨ ᠰᠢᠯᠭ᠋ᠠᠯᠲᠠ ᠵᠢ ᠶᠠᠪᠤᠭᠳᠠᠭᠤᠯᠵᠤ᠂ ᠬᠡᠮᠵᠢᠨ ᠰᠢᠯᠭ᠋ᠠᠭ᠋ᠠᠳ ᠲᠣᠭᠲᠠᠭᠤᠨ ᠪᠣᠯᠣᠭᠰᠠᠨ᠎ᠤ ᠳᠠᠷᠠᠭ᠎ᠠ᠂ ᠰᠢᠨ᠎ᠡ ᠦᠨ᠎ᠡ ᠬᠠᠩᠰᠢ ᠰᠠᠶᠢ ᠵᠢᠩᠬᠢᠨᠢ᠎ᠪᠠᠷ ᠡᠬᠢᠯᠡᠵᠦ ᠶᠠᠪᠤᠭᠤᠯᠤᠨ᠎ᠠ᠃ ᠰᠢᠨ᠎ᠡ ᠦᠨ᠎ᠡ ᠬᠠᠩᠰᠢ ᠵᠢ ᠶᠠᠪᠤᠭᠤᠯᠬᠤ᠎ᠠᠴᠠ ᠡᠮᠦᠨ᠎ᠡ᠂ ᠤᠤᠯ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠳᠠᠩᠰᠠ ᠲᠠᠶ᠋ᠢᠯᠬᠤ ᠰᠢᠰᠲ᠋ᠧᠮ ᠬᠡᠪ᠎ᠤᠨ ᠶᠣᠰᠣᠭ᠋ᠠᠷ ᠠᠵᠢᠯᠯᠠᠬᠤ ᠪᠣᠯᠣᠨ᠎ᠠ᠃
      ᠬᠥᠲᠥᠯᠥᠭᠴᠢ᠄
      ᠰᠢᠨ᠎ᠡ ᠬᠡᠪᠯᠡᠯ᠎ᠤᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠵᠢ ᠬᠡᠷᠡᠭᠵᠢᠭᠦᠯᠦᠭᠰᠡᠨ᠎ᠤ ᠳᠠᠷᠠᠭ᠎ᠠ᠂ ᠶᠠᠮᠠᠷ ᠶᠠᠮᠠᠷ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠢ ᠵᠡᠷᠭᠡᠪᠡᠷ ᠬᠦᠴᠦᠨ ᠦᠭᠡᠢ ᠪᠣᠯᠭ᠋ᠠᠭᠰᠠᠨ ᠪᠤᠢ?
      ᠸᠠᠩ ᠵᠢᠨ ᠪᠣᠣ᠄
      ᠲᠤᠷᠰᠢᠯᠲᠠ ᠵᠢᠨ ᠴᠢᠬ᠎ᠤᠨ ᠪᠤᠰᠤ ᠭᠠᠵᠠᠷ ᠣᠷᠣᠨ᠎ᠤ ᠬᠤᠳᠠ ᠵᠢᠨ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶ᠎ᠠ ᠪᠣᠯᠤᠨ ᠬᠣᠰᠢᠭᠤ ᠰᠢᠶᠠᠨ᠎ᠤ ᠱᠠᠲᠤᠨ᠎ᠤ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠮᠥᠨ ᠯᠡ ᠤᠳᠦ ᠵᠢᠨ ᠲᠤᠢ᠍ᠷᠦ ᠵᠢᠨ ᠪᠤᠳᠦᠯᠭ᠎ᠠ ᠵᠢ ᠬᠡᠷᠡᠭᠵᠢᠭᠦᠯᠵᠦ ᠪᠠᠢ᠌ᠨ᠎ᠠ᠂ ᠡᠶ᠋ᠢᠮᠦ᠎ᠠᠴᠠ ᠡᠮᠦᠨᠡᠬᠢ ᠪᠢᠴᠢᠭ ᠮᠠᠲᠸᠷᠢᠶᠠᠯ᠎ᠢ ᠬᠦᠴᠦᠨ ᠦᠭᠡᠢ ᠪᠣᠯᠭ᠋ᠠᠬᠤ ᠦᠭᠡᠢ᠂ 《ᠲᠥᠷᠥᠯ ᠵᠦᠢ᠍ᠯ᠎ᠤᠨ (ᠲᠤᠷᠰᠢᠨ ᠬᠡᠷᠡᠭᠵᠢᠭᠦᠯᠬᠦ) 2012 ᠣᠨ᠎ᠤ ᠬᠡᠪᠯᠡᠯ》 ᠪᠦᠬᠦ ᠲᠠᠯ᠎ᠠ᠎ᠪᠠᠷ ᠬᠡᠷᠡᠭᠵᠢᠭᠦᠯᠦᠭᠳᠡᠭᠰᠡᠨ᠎ᠤ ᠳᠠᠷᠠᠭ᠎ᠠ᠂ ᠪᠤᠰᠤᠳ ᠭᠠᠵᠠᠷ ᠣᠷᠣᠨ᠎ᠢ ᠳᠠᠬᠢᠵᠤ ᠰᠢᠨ᠎ᠡ ᠦᠨ᠎ᠡ ᠬᠠᠨᠭ᠌ᠰᠢ᠎ᠲᠠᠢ ᠵᠣᠯᠭ᠋ᠠᠯᠳᠤᠭᠤᠯᠬᠤ ᠪᠣᠯᠣᠨ᠎ᠠ᠃
      ᠬᠥᠲᠥᠯᠥᠭᠴᠢ᠄
      ᠤᠯᠠᠨ ᠲᠦᠮᠡᠨ ᠶᠠᠮᠠᠷ ᠶᠠᠮᠠᠷ ᠠᠷᠭ᠎ᠠ ᠵᠠᠮ ᠵᠶ᠋ᠠᠷ ᠳᠠᠮᠵᠢᠭᠤᠯᠤᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠪᠣᠲᠠᠲᠠᠢ ᠵᠠᠷᠤᠳᠠᠯ ᠬᠤᠷᠢᠶᠠᠬᠤ ᠲᠤᠢ᠍ᠷᠦᠯ ᠵᠦᠢ᠍ᠯ ᠪᠣᠯᠣᠨ ᠦᠨ᠎ᠡ ᠬᠠᠩᠰᠢ ᠵᠢᠨ ᠪᠠᠷᠢᠮᠵᠢᠶ᠎ᠠ᠎ᠳᠤ ᠨᠡᠢ᠌ᠴᠡᠬᠥ ᠡᠰᠡᠬᠦ ᠵᠢ ᠯᠠᠪᠯᠠᠨ ᠠᠰᠠᠭᠤᠵᠤ ᠪᠣᠯᠬᠤ ᠪᠣᠢ?
      ᠸᠠᠩ ᠵᠢᠨ ᠪᠣᠣ᠄
      ᠪᠢᠳᠡ ᠡᠯ᠎ᠡ ᠲᠤᠷᠰᠢᠯᠲᠠ ᠵᠢᠨ ᠴᠢᠭ᠋᠎ᠤᠨ ᠡᠮ ᠡᠮᠨᠡᠯᠭᠡ ᠵᠢᠨ ᠪᠠᠶ᠋ᠢᠭᠤᠯᠤᠮᠵᠢ᠎ᠠᠴᠠ ᠵᠠᠷᠤᠳᠠᠯ ᠬᠤᠷᠢᠶᠠᠬᠤ ᠭᠠᠵᠠᠷ ᠪᠤᠶᠤ ᠢᠯᠡ ᠬᠠᠷᠠᠭᠳᠠᠬᠤ ᠣᠷᠣᠨ ᠪᠠᠢ᠌ᠷᠢ᠎ᠳᠤ 《ᠲᠥᠷᠥᠯ ᠵᠦᠢ᠍ᠯ ᠵᠢᠨ ᠦᠨ᠎ᠡ ᠬᠠᠨᠭ᠌ᠰᠢ ᠵᠢᠨ (ᠲᠤᠷᠰᠢᠨ ᠬᠡᠷᠡᠭᠵᠢᠭᠦᠯᠬᠦ) 2012 ᠣᠨ᠎ᠤ ᠬᠡᠪᠯᠡᠯ》᠎ᠢ ᠡᠷᠬᠡᠪᠰᠢ ᠨᠡᠢ᠌ᠲᠡ᠎ᠳᠤ ᠰᠠᠮᠪᠠᠷᠯᠠᠨ ᠵᠠᠷᠯᠠᠬᠤ ᠵᠢᠨ ᠬᠠᠮᠲᠤ 12358 ᠦᠨ᠎ᠡ ᠬᠠᠩᠰᠢ ᠵᠢ ᠢᠯᠡᠴᠢᠯᠡᠨ ᠮᠡᠳᠡᠭᠦᠯᠬᠦ ᠳ᠋ᠢᠶᠠᠨᠭ᠌ᠬᠤᠸᠠ ᠵᠢ ᠨᠡᠢ᠌ᠲᠡᠯᠡᠬᠥ ᠵᠢ ᠱᠠᠭ᠋ᠠᠷᠳᠠᠪᠠ᠃ ᠡᠭᠦᠨ᠎ᠤ ᠬᠠᠮᠲᠤ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠦᠪᠯᠡᠯ᠎ᠤᠨ ᠰᠦᠯᠵᠢᠶᠡᠨ ᠳᠡᠭᠡᠷ᠎ᠡ ᠪᠠᠰᠠ ᠰᠢᠨ᠎ᠡ ᠬᠡᠪᠯᠡᠯ᠎ᠤᠨ ᠦᠨ᠎ᠡ ᠬᠠᠩᠰᠢ ᠵᠢ ᠨᠡᠢ᠌ᠲᠡᠯᠡᠵᠦ᠂ ᠤᠯᠠᠨ ᠲᠦᠮᠡᠨ ᠠᠰᠠᠭᠤᠨ ᠯᠠᠪᠯᠠᠬᠤ᠎ᠳᠤ ᠳᠥᠭᠥᠮ ᠦᠵᠡᠭᠦᠯᠪᠡ᠃
      ᠬᠥᠲᠥᠯᠥᠭᠴᠢ᠄
      ᠵᠠ᠂ ᠸᠠᠨᠭ᠌ ᠡᠷᠬᠢᠯᠡᠭᠴᠢ᠎ᠠᠴᠠ ᠪᠢᠳᠡᠨ᠎ᠳᠤ ᠮᠠᠰᠢ ᠨᠠᠷᠢᠯᠢᠭ ᠲᠣᠳᠣᠷᠬᠠᠢ ᠲᠠᠢ᠌ᠯᠪᠤᠷᠢᠯᠠᠨ ᠥᠭᠴᠦ᠂ ᠲᠤᠰ ᠤᠳᠠᠭ᠋ᠠᠨ᠎ᠤ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠨᠭ᠌ᠰᠢ ᠵᠢᠨ ᠵᠢᠷᠤᠮᠵᠢᠯ ᠪᠣᠯᠣᠨ ᠲᠣᠬᠢᠷᠠᠭᠤᠯᠤᠯᠲᠠ᠎ᠳᠤ ᠨᠡᠨᠭ ᠢᠯᠡᠭᠦᠦ ᠪᠥᠬᠦ ᠲᠠᠯ᠎ᠠ᠎ᠪᠠᠷ ᠭᠦᠨᠵᠡᠭᠡᠢ ᠣᠢ᠌ᠯᠠᠭ᠋ᠠᠭᠤᠯᠤᠭᠰᠠᠨ᠎ᠳᠤ ᠲᠠᠯᠠᠷᠬᠠᠵᠤ ᠪᠠᠢ᠌ᠨ᠎ᠠ᠃ ᠮᠥᠨᠴᠦ ᠰᠦᠯᠵᠢᠶᠡᠨ᠎ᠤ ᠠᠨᠳᠠ ᠨᠠᠷ᠎ᠤᠨ ᠬᠦᠯᠢᠶᠡᠨ ᠠᠪᠴᠤ ᠦᠵᠡᠭᠰᠡᠨ᠎ᠳᠤ ᠲᠠᠯᠠᠷᠬᠠᠯ᠎ᠠ᠃ ᠲᠤᠰ ᠬᠤᠭᠤᠴᠠᠭ᠎ᠠ ᠵᠢᠨ ᠰᠤᠷᠪᠤᠯᠵᠢᠯᠠᠭ᠎ᠠ ᠶᠠᠷᠢᠯᠴᠠᠭ᠎ᠠ ᠡᠢ᠌ᠨᠬᠥ ᠦᠨᠳᠦᠷᠯᠡᠯ᠎ᠡ᠂ ᠳᠠᠷᠠᠭ᠋ᠠᠴᠢ ᠵᠢᠨ ᠳ᠋ᠤᠭ᠋ᠠᠷ᠎ᠲᠤ ᠪᠠᠶᠠᠷᠲᠠᠢ ᠵᠣᠯᠭ᠋ᠠᠶ᠎ᠠ!


ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠨᠡᠢ᠌ᠲᠡᠯᠡᠬᠥ ᠬᠤᠷᠠᠯ᠎ᠢ ᠬᠤᠷᠠᠯᠳᠤᠭᠤᠯᠵᠤ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠨᠭ᠌ᠰᠢ ᠵᠢᠨ ᠵᠢᠷᠤᠮᠵᠢᠯ ᠪᠣᠯᠣᠨ ᠲᠣᠬᠢᠷᠠᠭᠤᠯᠤᠯᠲᠠ ᠵᠢᠨ ᠪᠠᠢ᠌ᠳᠠᠯ᠎ᠢ ᠮᠡᠳᠡᠭᠳᠡᠪᠡ᠂ png


ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠡᠭᠦᠯᠡᠨ ᠪᠣᠳᠣᠯᠲᠠ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠤᠨ ᠲᠠᠢ᠌ᠯᠤᠮᠵᠢ
ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡᠪᠡᠷ ᠠᠪᠴᠤ ᠠᠮᠢ ᠠᠬᠤᠶ ᠵᠢᠨ ᠰᠠᠭᠤᠷᠢᠰᠢᠬᠤ᠎ᠳᠤ ᠲᠣᠬᠢᠷᠠᠮᠵᠢᠲᠠᠶ ᠰᠠᠶ᠋ᠢᠬᠠᠨ ᠬᠣᠲᠠ ᠵᠢ ᠴᠣᠭᠴᠠᠯᠠᠵᠤ ᠪᠤᠢ
ᠪᠣᠬᠢᠷᠲᠤᠯ ᠦᠭᠡᠢ ᠬᠥᠭᠵᠢᠭᠦᠯᠬᠦ ᠣᠨᠣᠯᠵᠢᠬᠤᠨ᠎ᠢ ᠲᠤᠤᠱᠯᠠᠭᠤᠯᠵᠤ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠠᠵᠢᠯ᠎ᠢ ᠲᠦᠯᠬᠢᠨ ᠠᠬᠢᠭᠤᠯᠤᠶ᠎ᠠ
ᠨᠡᠭᠦᠷᠡᠰᠦᠨ ᠦᠢ᠍ᠯᠡᠳᠪᠦᠷᠢᠯᠡᠯ᠎ᠤᠨ ᠦᠯᠡᠬᠦᠦ ᠴᠢᠳᠠᠪᠤᠷᠢ ᠵᠢ ᠴᠢᠷᠮᠠᠶ᠋ᠢᠨ ᠦᠭᠡᠢ᠌ᠰᠬᠡᠵᠦ ᠨᠡᠭᠦᠷᠡᠰᠦᠨ᠎ᠤ ᠠᠵᠤ ᠦᠢ᠍ᠯᠡᠳᠪᠦᠷᠢ ᠵᠢᠨ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠬᠢᠭᠤᠯᠤᠶ᠎ᠠ
《ᠬᠥᠯᠥᠨ ᠪᠤᠢ᠍ᠢ᠍ᠷ᠎ᠤᠨ ᠳᠤᠮᠳᠠᠳᠤ ᠤᠷᠤᠰ ᠮᠣᠩᠭᠣᠯ᠎ᠤᠨ ᠬᠠᠮᠲᠤᠷᠠᠯᠴᠠᠭ᠎ᠠ ᠵᠢᠨ ᠬᠣᠰᠢᠭᠤᠴᠢ ᠣᠷᠣᠨ᠎ᠤ ᠪᠥᠳᠥᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ》 ᠵᠢ ᠬᠢᠨᠠᠮᠠᠭ᠋ᠠᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠳᠡ ᠵᠢᠨ ᠬᠥᠭᠥᠷᠭᠡᠨ ᠪᠡᠬᠢᠯᠡᠯᠲᠡ ᠵᠢ ᠲᠦᠷᠭᠡᠳᠭᠡᠨ ᠪᠦᠲᠦᠭᠡᠨ ᠪᠠᠢ᠌ᠭᠤᠯᠤᠶ᠎ᠠ
 
            