
ᠰᠤᠷᠪᠤᠯᠵᠢᠯᠠᠭᠰᠠᠨ ᠴᠠᠭ᠄
2016 ᠣᠨ᠎ᠤ 2 ᠳ᠋ᠤᠭ᠋ᠠᠷ ᠰᠠᠷ᠎ᠠ ᠵᠢᠨ18᠎ᠤ ᠡᠳᠦᠷ᠎ᠤᠨ ᠦᠳᠡ ᠵᠢᠨ ᠬᠣᠢ᠌ᠨᠠᠬᠢ 4 ᠴᠠᠭ᠎ᠲᠤ
ᠰᠤᠷᠪᠤᠯᠵᠢᠯᠠᠭᠰᠠᠨ ᠵᠣᠴᠢᠨ᠄
ᠤᠯᠠᠭ᠋ᠠᠨᠬᠠᠳᠠ ᠬᠣᠲᠠ ᠵᠢᠨ ᠲᠥᠯᠥᠪᠵᠢᠭᠦᠯᠭᠡ ᠵᠢᠨ ᠲᠣᠪᠴᠢᠶ᠎ᠠ ᠵᠢᠨ ᠳᠠᠷᠤᠭ᠎ᠠ ᠵᠠᠩ ᠵᠢᠨ ᠳ᠋ᠦᠩ
ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
ᠪᠢᠳᠡᠨ᠎ᠤ ᠮᠡᠳᠡᠭᠡᠵᠢ᠎ᠪᠠᠷ᠂ ᠬᠣᠲᠠ ᠵᠢᠨ ᠲᠥᠯᠥᠪᠵᠢᠭᠦᠯᠭᠡ ᠪᠣᠯ ᠬᠣᠲᠠ ᠵᠢᠨ ᠪᠦᠲᠦᠭᠡᠨ ᠪᠠᠢ᠌ᠭᠤᠯᠤᠯᠲᠠ ᠪᠣᠯᠣᠨ ᠬᠦᠭᠵᠢᠯᠲᠡ ᠵᠢᠨ ᠪᠣᠷᠣ ᠲᠥᠯᠥᠪ ᠮᠦᠨ᠂ ᠬᠣᠲᠠ ᠵᠢ ᠪᠦᠲᠦᠭᠡᠨ ᠪᠠᠢ᠌ᠭᠤᠯᠬᠤ ᠪᠠ ᠬᠠᠮᠢᠶᠠᠷᠬᠤ ᠰᠠᠭᠤᠷᠢ ᠦᠨᠳᠦᠰᠦᠯᠡᠯ ᠪᠣᠯᠣᠨ᠎ᠠ᠃ ᠶᠡᠬᠡ᠎ᠪᠠᠷ ᠠᠪᠴᠤ ᠬᠡᠯᠡᠪᠡᠯ ᠨᠢᠭᠡ ᠬᠣᠲᠠ᠂ ᠪᠠᠭ᠎ᠠ᠎ᠪᠠᠷ ᠠᠪᠴᠤ ᠬᠡᠯᠡᠪᠡᠯ ᠨᠢᠭᠡ ᠵᠠᠮ᠂ ᠬᠣᠲᠠ ᠵᠢᠨ ᠲᠥᠯᠥᠪᠵᠢᠭᠦᠯᠭᠡ ᠮᠠᠨ᠎ᠤ ᠠᠷᠠᠳ ᠲᠦᠮᠡᠨ᠎ᠤ ᠠᠮᠢᠳᠤᠷᠠᠯ᠎ᠯᠤᠭ᠎ᠠ ᠨᠢᠭᠲᠠ ᠬᠠᠷᠢᠴᠠᠭ᠎ᠠ᠎ᠲᠠᠢ ᠶᠤᠮ᠃ ᠬᠣᠲᠠ ᠵᠢᠨ ᠲᠥᠯᠥᠪᠵᠢᠭᠦᠯᠭᠡ᠎ᠪᠠᠨ ᠰᠠᠢ᠌ᠲᠤᠷ ᠬᠢᠬᠦ ᠡᠰᠡᠬᠦ᠎ᠨᠢ ᠬᠣᠲᠠ ᠵᠢᠨ ᠶᠡᠷᠦᠩᠭᠡᠢ ᠴᠢᠳᠠᠪᠬᠢ ᠵᠢ ᠪᠦᠲᠦᠮᠵᠢ᠎ᠲᠠᠢ ᠪᠠᠳᠠᠷᠠᠭᠤᠯᠵᠤ ᠴᠢᠳᠠᠬᠤ ᠡᠰᠡᠬᠦ᠎ᠲᠠᠢ ᠰᠢᠭᠤᠳ ᠬᠣᠯᠪᠣᠭᠳᠠᠵᠤ᠂ ᠠᠵᠤ ᠠᠬᠤᠢ᠂ ᠨᠡᠢ᠌ᠭᠡᠮ᠂ ᠬᠦᠮᠦᠨ ᠠᠮᠠ᠂ ᠡᠬᠢ ᠪᠠᠶᠠᠯᠢᠭ᠂ ᠣᠷᠴᠢᠨ ᠲᠣᠭᠤᠷᠢᠨ ᠵᠣᠬᠢᠴᠠᠩᠭᠤᠢ ᠬᠦᠭᠵᠢᠵᠦ ᠴᠢᠳᠠᠬᠤ ᠡᠰᠡᠬᠦ᠎ᠲᠠᠢ ᠬᠣᠯᠪᠣᠭᠳᠠᠵᠤ᠂ ᠨᠢᠭᠡ ᠬᠣᠲᠠ ᠵᠢᠨ ᠬᠦᠭᠵᠢᠯᠲᠡ ᠵᠢᠨ ᠠᠯᠤᠰ ᠢᠷᠡᠭᠡᠳᠦᠢ ᠪᠣᠯᠣᠨ ᠬᠤᠪᠢ ᠵᠠᠶᠠᠭ᠎ᠠ ᠵᠢ ᠰᠢᠭᠤᠳ ᠨᠥᠯᠥᠭᠡᠯᠡᠵᠦ ᠪᠠᠢ᠌ᠭ᠎ᠠ ᠶᠤᠮ᠃ ᠥᠨᠥᠳᠦᠷ ᠪᠢᠳᠠ ᠤᠯᠠᠭ᠋ᠠᠨᠬᠠᠳᠠ ᠬᠣᠲᠠ ᠵᠢᠨ ᠲᠥᠯᠥᠪᠵᠢᠭᠦᠯᠭᠡ ᠵᠢᠨ ᠲᠣᠪᠴᠢᠶ᠎ᠠ ᠵᠢᠨ ᠳᠠᠷᠤᠭ᠎ᠠ ᠵᠠᠩ ᠵᠢᠨ ᠳ᠋ᠦᠩ᠎ᠢ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ᠎ᠳᠤ ᠤᠷᠢᠵᠤ᠂ ᠬᠣᠲᠠ ᠵᠢᠨ ᠲᠥᠯᠥᠪᠵᠢᠭᠦᠯᠭᠡ ᠵᠢᠨ ᠲᠣᠬᠠᠢ ᠰᠡᠳᠦᠪ ᠵᠶ᠋ᠠᠷ ᠪᠢᠳᠠᠨ᠎ᠲᠠᠢ ᠶᠠᠷᠢᠯᠴᠠᠬᠤ᠎ᠪᠠᠷ ᠪᠤᠢ᠂ ᠥᠷᠭᠡᠨ ᠣᠯᠠᠨ ᠰᠦᠯᠵᠢᠶᠡᠨ ᠠᠨᠳᠠ ᠨᠠᠷ᠎ᠤᠨ ᠢᠳᠡᠪᠬᠢᠲᠡᠢ ᠣᠷᠣᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ᠃
ᠰᠤᠷᠪᠤᠯᠵᠢᠯᠠᠭ᠎ᠠ ᠵᠢᠨ ᠪᠤᠳᠠᠳᠤ ᠲᠡᠮᠳᠡᠭᠯᠡᠯ᠄
ᠬᠥᠲᠥᠯᠥᠭᠴᠢ᠄
ᠰᠦᠯᠵᠢᠶᠡᠨ᠎ᠤ ᠠᠨᠳᠠ ᠨᠠᠷ ᠰᠠᠢ᠍ᠢ᠍ᠨ ᠪᠠᠶ᠋ᠢᠨ᠎ᠠ ᠤᠤ᠂ ᠰᠦᠯᠵᠢᠶᠡᠨ ᠳᠡᠭᠡᠷᠡᠬᠢ ᠨᠡᠪᠲᠡᠷᠡᠭᠦᠯᠭᠡ ᠵᠢᠨ ᠦᠷᠦᠭᠡ᠎ᠳᠤ ᠬᠦᠷᠴᠦ ᠢᠷᠡᠭᠰᠡᠨ᠎ᠳᠤ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳᠡ ᠤᠯᠠᠭ᠋ᠠᠨᠬᠠᠳᠠ ᠬᠣᠲᠠ ᠵᠢᠨ ᠲᠥᠯᠥᠪᠵᠢᠭᠦᠯᠭᠡ ᠵᠢᠨ ᠲᠣᠪᠴᠢᠶ᠎ᠠ ᠵᠢᠨ ᠳᠠᠷᠤᠭ᠎ᠠ ᠵᠠᠩ ᠵᠢᠨ ᠳ᠋ᠦᠩ᠎ᠢ ᠤᠷᠢᠵᠤ᠂ ᠬᠣᠲᠠ ᠵᠢᠨ ᠲᠥᠯᠥᠪᠵᠢᠭᠦᠯᠭᠡ ᠵᠢᠨ ᠲᠣᠬᠠᠢ ᠰᠡᠳᠦᠪ ᠵᠶ᠋ᠠᠷ ᠮᠠᠨ᠎ᠲᠠᠢ ᠶᠠᠷᠢᠯᠴᠠᠭᠤᠯᠬᠤ᠎ᠪᠠᠷ ᠪᠤᠢ᠂ ᠵᠠᠩ ᠳᠠᠷᠤᠭ᠎ᠠ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ᠃
ᠵᠠᠩ ᠵᠢᠨ ᠳ᠋ᠦᠩ᠄
ᠬᠥᠲᠥᠯᠥᠭᠴᠢ ᠲᠠ ᠰᠠᠢ᠌ᠨ ᠤᠤ᠂ ᠦᠵᠡᠭᠴᠢᠳ ᠨᠠᠶ᠋ᠢᠵᠠ ᠨᠠᠷ ᠲᠠ ᠪᠦᠭᠦᠨ ᠰᠠᠢ᠍ᠢ᠍ᠨ ᠪᠠᠶ᠋ᠢᠨ᠎ᠠ ᠤᠤ᠂ ᠡᠨᠳᠡ ᠬᠦᠷᠴᠦ ᠢᠷᠡᠭᠰᠡᠨ᠎ᠳᠡᠭᠡᠨ ᠲᠤᠩ ᠪᠠᠶᠠᠷᠲᠠᠢ ᠪᠠᠢ᠌ᠨ᠎ᠠ᠂ ᠪᠢᠳᠠᠨ ᠴᠦ᠍ ᠡᠨᠡ ᠵᠠᠪᠰᠢᠶᠠᠨ᠎ᠢ ᠠᠰᠢᠭᠯᠠᠵᠤ ᠰᠣᠨᠣᠰᠤᠭᠴᠢ ᠨᠠᠶ᠋ᠢᠵᠠ ᠨᠠᠷ᠎ᠲᠠᠢ ᠰᠠᠨᠠᠯ ᠵᠶ᠋ᠠᠨ ᠳᠤᠷᠠᠲᠠᠢ ᠰᠣᠯᠢᠯᠴᠠᠵᠤ᠂ ᠲᠡᠷᠡᠴᠢᠯᠡᠨ ᠥᠷᠭᠡᠨ ᠤᠯᠠᠨ ᠰᠤᠨᠤᠰᠤᠭᠴᠢᠳ ᠨᠠᠶ᠋ᠢᠵᠠ ᠨᠠᠷ ᠤᠯᠠᠭ᠋ᠠᠨᠬᠠᠳᠠ ᠬᠣᠲᠠ ᠵᠢᠨ ᠲᠥᠯᠥᠪᠵᠢᠭᠦᠯᠭᠡ ᠵᠢᠨ ᠲᠣᠪᠴᠢᠶ᠎ᠠ ᠵᠢᠨ ᠡᠯ᠎ᠡ ᠵᠦᠢ᠍ᠯ᠎ᠤᠨ ᠠᠵᠢᠯ᠎ᠳᠤ ᠡᠷᠬᠢᠮ ᠨᠠᠨᠳᠢᠨ ᠰᠠᠨᠠᠯ ᠪᠣᠯᠣᠨ ᠰᠠᠨᠠᠭᠤᠯᠭ᠎ᠠ ᠳᠤᠷᠠᠳᠬᠤ ᠵᠢ ᠬᠦᠰᠡᠵᠦ ᠪᠠᠢ᠌ᠨ᠎ᠠ᠃
ᠬᠥᠲᠥᠯᠥᠭᠴᠢ᠄
ᠵᠠᠩ ᠳᠠᠷᠤᠭ᠎ᠠ ᠡ᠂ ᠲᠥᠯᠥᠪᠵᠢᠭᠦᠯᠭᠡ ᠵᠢᠨ ᠲᠣᠪᠴᠢᠶ᠎ᠠ ᠭᠡᠵᠦ ᠬᠡᠯᠡᠭᠰᠡᠭᠡᠷ ᠣᠯᠠᠨ᠎ᠳᠤ ᠳᠠᠷᠤᠢ ᠮᠠᠨ᠎ᠤ ᠡᠨᠡ ᠠᠵᠢᠯ ᠪᠣᠯ 《ᠮᠤᠨᠳᠣᠭ ᠰᠠᠢ᠌ᠬᠠᠨ》᠂ ᠮᠠᠨ᠎ᠤ ᠡᠩ᠎ᠤᠨ ᠬᠣᠲᠠ ᠵᠢᠨ ᠠᠷᠠᠳ ᠢᠷᠭᠡᠳ᠎ᠤᠨ ᠠᠮᠢᠳᠤᠷᠠᠯ᠎ᠲᠠᠢ ᠵᠠᠢ᠌ᠳᠠᠢ ᠪᠠᠢ᠌ᠬᠤ ᠰᠢᠭ᠋ ᠲᠦᠷᠦᠭᠳᠡᠯ ᠥᠭᠳᠡᠭ᠂ ᠲᠡᠢ᠌ᠮᠦ ᠪᠢᠰᠢᠤ?
ᠵᠠᠩ ᠵᠢᠨ ᠳ᠋ᠦᠩ᠄
ᠲᠥᠯᠥᠪᠵᠢᠭᠦᠯᠭᠡ ᠪᠣᠯ ᠲᠡᠢ᠌ᠮᠦ ᠮᠤᠨᠳᠤᠭ ᠰᠠᠢ᠌ᠬᠠᠨ ᠭᠡᠮᠡᠷ ᠶᠠᠭᠤᠮ᠎ᠠ ᠪᠢᠰᠢ᠂ ᠲᠡᠷᠡ ᠪᠣᠯ ᠮᠠᠰᠢ ᠦᠨᠡᠨ ᠪᠣᠳᠠᠲᠠᠶ ᠣᠷᠤᠰᠢᠵᠤ ᠪᠠᠢ᠌ᠳᠠᠭ ᠶᠠᠭᠤᠮ᠎ᠠ᠂ ᠳᠠᠷᠤᠢ ᠦᠷᠭᠦᠯᠵᠢ ᠶᠠᠷᠢᠳᠠᠭ 《ᠢᠳᠡᠵᠦ ᠤᠤᠭᠤᠬᠤ ᠡᠮᠦᠰᠴᠦ ᠵᠡᠭᠦᠬᠦ ᠶᠠᠪᠤᠵᠤ ᠰᠠᠭᠤᠬᠤ》᠎ᠨᠢ ᠴᠥᠮ ᠲᠥᠯᠥᠪᠵᠢᠭᠦᠯᠭᠡ᠎ᠲᠠᠢ ᠨᠢᠭᠲᠠ ᠬᠣᠯᠪᠣᠭ᠎ᠠ᠎ᠲᠠᠢ ᠪᠠᠶ᠋ᠢᠳᠠᠭ᠃ ᠪᠢᠳᠡ ᠬᠠᠮᠢᠶ᠎ᠠ ᠰᠠᠭᠤᠬᠤ᠂ ᠣᠷᠴᠢᠨ ᠲᠣᠭᠣᠷᠢᠨ᠎ᠳᠤ ᠶᠠᠮᠠᠷ ᠶᠠᠮᠠᠷ ᠪᠡᠯᠡᠳᠬᠡᠮᠵᠢᠨᠦᠭᠦᠳ ᠪᠠᠢ᠌ᠬᠤ᠂ ᠬᠡᠦᠬᠡᠳ᠎ᠤᠨ ᠰᠤᠷᠭ᠋ᠠᠭᠤᠯᠢ ᠣᠢ᠌ᠷᠠᠬᠠᠨ ᠤᠤ? ᠬᠦᠳᠡᠯᠭᠡᠭᠡᠨ᠎ᠤ ᠲᠠᠯᠠᠪᠤᠷ ᠬᠠᠮᠢᠭ᠎ᠠ᠎ᠪᠠᠷ ᠪᠠᠢ᠌ᠬᠤ᠂ ᠪᠥᠵᠢᠭ ᠦᠰᠦᠷᠴᠦ ᠪᠣᠯᠣᠨ᠎ᠠ ᠤᠤ᠂ ᠠᠯᠢ ᠬᠡᠰᠡᠭ ᠵᠶ᠋ᠡᠷ ᠣᠢ᠌ᠵᠢᠭᠤᠯᠤᠭ᠋ᠠᠳ ᠰᠡᠯᠡᠭᠦᠴᠡᠨ ᠠᠯᠬᠤᠵᠤ ᠪᠣᠯᠬᠤ ᠵᠡᠷᠭᠡ᠂ ᠠᠷᠠᠳ ᠣᠯᠠᠨ᠎ᠤ ᠰᠡᠳᠬᠢᠯ ᠲᠠᠯᠪᠢᠵᠤ ᠪᠠᠶ᠋ᠢᠭ᠎ᠠ᠎ᠨᠢ ᠮᠥᠨ ᠴᠦ᠍ ᠪᠢᠳᠠᠨ᠎ᠤ ᠲᠥᠯᠥᠪᠵᠢᠭᠦᠯᠭᠡ ᠵᠢᠨ ᠠᠩᠬᠠᠷᠬᠤ ᠲᠠᠯᠪᠢᠵᠤ ᠪᠠᠢ᠌ᠭ᠎ᠠ ᠵᠦᠢ᠍ᠯ ᠪᠣᠯᠣᠨ᠎ᠠ᠃
ᠲᠥᠯᠥᠪᠵᠢᠭᠦᠯᠭᠡ ᠪᠣᠯᠣᠨ ᠲᠥᠯᠥᠪᠯᠡᠭᠡ᠎ᠨᠢ ᠵᠠᠷᠢᠮ ᠲᠠᠯ᠎ᠠ᠎ᠪᠠᠷ ᠠᠳᠠᠯᠢᠪᠲᠤᠷ ᠪᠠᠢ᠌ᠳᠠᠭ᠃ ᠪᠢᠳᠠᠨ᠎ᠤ ᠶᠠᠮᠠᠷᠪᠠ ᠠᠵᠢᠯ ᠪᠦᠷ ᠲᠥᠯᠥᠪᠯᠡᠭᠡ᠎ᠲᠠᠢ ᠶᠤᠮ᠂ ᠤᠷᠢᠳᠠᠪᠠᠷ ᠶᠠᠭᠤ ᠬᠢᠬᠦ᠂ ᠳᠠᠷᠠᠭ᠎ᠠ᠎ᠨᠢ ᠶᠠᠭᠤ ᠬᠢᠬᠦ᠂ ᠶᠠᠭ᠋ᠠᠬᠢᠵᠤ ᠬᠢᠬᠦ? ᠨᠢᠭᠡᠨ ᠬᠤᠳᠠ᠎ᠳᠤ ᠠᠪᠴᠤ ᠬᠡᠯᠡᠪᠡᠯ ᠲᠡᠭᠦᠨ᠎ᠤ ᠬᠥᠭᠵᠢᠯᠲᠡ ᠵᠢᠨ ᠲᠥᠯᠥᠪᠵᠢᠭᠦᠯᠭᠡ ᠵᠢ ᠳᠠᠷᠤᠢ ᠲᠥᠯᠥᠪᠵᠢᠭᠦᠯᠭᠡ ᠭᠡᠨ᠎ᠡ᠂ ᠲᠥᠯᠥᠪᠵᠢᠭᠦᠯᠬᠦ᠎ᠳᠡᠭᠡᠨ᠂ ᠪᠢᠳᠡ ᠤᠷᠢᠳᠠᠪᠠᠷ ᠮᠠᠨ᠎ᠤ ᠬᠤᠳᠠ ᠪᠣᠯ ᠶᠠᠮᠠᠷ ᠶᠠᠩᠵᠤ᠎ᠲᠠᠢ᠂ ᠶᠠᠮᠠᠷ ᠣᠨᠴᠠᠯᠢᠭ᠎ᠲᠠᠢ ᠪᠠᠢ᠌ᠬᠤ ᠵᠢ ᠵᠠᠳᠠᠯᠵᠤ᠂ ᠳᠠᠷᠠᠭ᠎ᠠ᠎ᠨᠢ ᠬᠡᠷᠬᠢᠨ ᠬᠦᠭᠵᠢᠭᠦᠯᠬᠦ᠂ ᠶᠠᠮᠠᠷ ᠶᠠᠩᠵᠤ᠎ᠲᠠᠢ ᠬᠦᠭᠵᠢᠭᠦᠯᠬᠦ ᠵᠢ ᠲᠥᠯᠥᠪᠵᠢᠭᠦᠯᠦᠨ᠎ᠡ᠃
ᠨᠢᠭᠡᠨ ᠰᠢᠨᠵᠢᠯᠡᠬᠦ ᠤᠬᠠᠭ᠋ᠠᠨᠴᠢ ᠲᠥᠯᠥᠪᠵᠢᠭᠦᠯᠭᠡ᠎ᠨᠢ ᠪᠢᠳᠡᠨ᠎ᠳᠤ ᠯᠣᠲᠣ ᠶᠡᠬᠡ ᠡᠳ᠋ ᠪᠠᠶᠠᠯᠢᠭ᠎ᠢ ᠠᠪᠴᠢᠷᠠᠳᠠᠭ᠂ 2002 ᠣᠨ᠎ᠳᠤ᠂ ᠪᠢᠳᠠ ᠤᠯᠠᠭ᠋ᠠᠨᠬᠠᠳᠠ ᠬᠣᠲᠠ ᠵᠢᠨ ᠶᠡᠷᠦᠩᠬᠡᠶ ᠲᠥᠯᠥᠪᠵᠢᠭᠦᠯᠭᠡ ᠵᠢ ᠵᠠᠰᠠᠵᠤ ᠨᠠᠢ᠌ᠷᠠᠭᠤᠯᠵᠤ᠂ ᠬᠤᠳᠠ ᠵᠢᠨ ᠵᠢᠷᠣᠭ ᠲᠥᠯᠥᠪᠯᠡᠭᠡ ᠵᠢ ᠥᠷᠭᠡᠳᠬᠡᠵᠦ᠂ ᠪᠠᠷᠠᠭᠤᠨᠰᠢ ᠰᠢᠯᠵᠢᠵᠦ ᠤᠮᠠᠷᠠᠰᠢ ᠥᠷᠭᠡᠳᠬᠡᠬᠦ ᠬᠤᠳᠠ ᠵᠢᠨ ᠬᠥᠭᠵᠢᠯᠲᠡ ᠵᠢᠨ ᠰᠡᠳᠬᠢᠮᠵᠢ᠂ ᠨᠠᠢ᠍ᠮᠠᠨ ᠠᠢ᠌ᠯ ᠲᠤᠰᠬᠤᠨ᠎ᠢ ᠨᠡᠢ᠌ᠯᠡᠭᠦᠯᠦᠨ ᠮᠠᠨ᠎ᠤ ᠬᠤᠳᠠ ᠵᠢᠨ ᠰᠢᠨ᠎ᠡ ᠲᠣᠭᠣᠷᠢᠭ ᠪᠣᠯᠭ᠋ᠠᠬᠤ᠎ᠪᠠᠷ ᠲᠣᠭᠲᠠᠵᠤ᠂ ᠠᠷᠪᠠᠨ ᠵᠢᠯ᠎ᠤᠨ ᠴᠢᠷᠮᠠᠢ᠌ᠯᠭ᠎ᠠ᠎ᠪᠠᠷ ᠳᠠᠮᠵᠢᠭ᠋ᠠᠳ᠂ ᠨᠠᠢ᠍ᠮᠠᠨ ᠠᠢ᠌ᠯ ᠲᠤᠰᠬᠤᠨ ᠨᠡᠢ᠌ᠯᠡᠬᠦ ᠵᠢ ᠨᠢᠭᠡᠨᠲᠡ ᠲᠥᠯᠥᠪᠯᠡᠭᠡ ᠶᠣᠰᠣᠭ᠋ᠠᠷ ᠪᠡᠶᠡᠯᠡᠭᠦᠯᠵᠦ᠂ ᠲᠥᠪ ᠬᠤᠳᠠ ᠴᠤ᠌ ᠬᠠᠷᠠᠶ᠋ᠢᠯᠲᠠ ᠮᠠᠶᠢᠭ᠎ᠤᠨ ᠬᠥᠭᠵᠢᠯᠲᠡ ᠵᠢ ᠪᠡᠶᠡᠯᠡᠭᠦᠯᠦᠨ᠂ ᠲᠥᠯᠥᠪᠵᠢᠭᠦᠯᠭᠡ᠎ᠨᠢ ᠯᠤᠲᠤ ᠶᠡᠬᠡ ᠬᠥᠲᠥᠯᠥᠨ ᠳᠠᠭ᠋ᠠᠭᠤᠯᠬᠤ ᠪᠠ ᠲᠣᠬᠢᠷᠠᠭᠤᠯᠤᠨ ᠡᠵᠡᠮᠳᠡᠬᠦ ᠦᠢ᠍ᠯᠡᠳᠦᠯ ᠪᠠᠳᠠᠷᠠᠭᠤᠯᠵᠠᠢ ᠭᠡᠵᠦ ᠬᠡᠯᠡᠵᠦ ᠪᠣᠯᠬᠤ ᠶᠤᠮ᠃ 2012 ᠣᠨ᠎ᠤ ᠶᠡᠷᠦᠩᠬᠡᠶ ᠲᠥᠯᠥᠪᠵᠢᠭᠦᠯᠭᠡ᠎ᠳᠤ ᠪᠢᠳᠡ ᠰᠢᠶᠤᠤ ᠰᠢᠨ ᠳ᠋ᠢ ᠵᠢ᠂ ᠴᠧᠨ ᠶᠢᠩ ᠽᠢᠲᠠᠢ ᠨᠡᠢ᠌ᠯᠡᠭᠦᠯᠦᠨ᠂ ᠡᠯ᠎ᠡ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠢ ᠲᠡᠭᠦᠯᠳᠡᠷᠵᠢᠭᠦᠯᠵᠦ᠂ ᠬᠤᠳᠠ ᠵᠢᠨ ᠬᠡᠪᠴᠢᠶ᠎ᠡ ᠵᠢ ᠥᠷᠭᠡᠳᠬᠡᠭᠡᠳ ᠬᠣᠲᠠ ᠵᠢᠨ ᠪᠠᠶ᠋ᠢᠷᠢᠰᠢᠯ᠎ᠢ ᠨᠡᠩ ᠵᠦᠢ ᠵᠣᠬᠢᠰᠲᠠᠶ ᠪᠣᠯᠭ᠋ᠠᠵᠠᠢ᠃ ᠮᠢᠨᠦ ᠪᠣᠳᠣᠬᠤ᠎ᠪᠠᠷ᠂ ᠢᠷᠡᠭᠡᠳᠦᠶ ᠵᠢᠨ ᠠᠷᠪᠠᠨ ᠬᠡᠳᠦᠨ ᠵᠢᠯ᠎ᠳᠤ᠂ ᠡᠨᠡᠬᠦ ᠲᠥᠯᠥᠪᠵᠢᠭᠦᠯᠭᠡ ᠵᠢᠨ ᠶᠣᠰᠣᠭ᠋ᠠᠷ ᠶᠠᠪᠤᠭᠳᠠᠪᠠᠯ᠂ ᠮᠠᠨ᠎ᠤ ᠬᠣᠲᠠ ᠵᠢᠨ ᠡᠯ᠎ᠡ ᠲᠠᠯ᠎ᠠ᠎ᠪᠠᠷ ᠴᠥᠮ ᠤᠯᠠᠮ ᠲᠡᠭᠦᠯᠳᠡᠷᠵᠢᠭᠦᠯᠬᠦ ᠪᠣᠯᠣᠨ᠎ᠠ᠃
ᠬᠥᠲᠥᠯᠥᠭᠴᠢ᠄
ᠪᠢᠳᠠᠨ ᠰᠠᠶᠢ ᠶᠡᠷᠦᠩᠬᠡᠶ ᠲᠥᠯᠥᠪᠵᠢᠭᠦᠯᠭᠡ ᠵᠢᠨ ᠲᠣᠬᠠᠢ ᠶᠠᠷᠢᠵᠠᠢ᠂ ᠲᠡᠭᠡᠪᠡᠯ ᠲᠠ ᠪᠢᠳᠡᠨ᠎ᠳᠤ ᠶᠠᠭᠤ ᠵᠢ ᠬᠣᠳᠠ ᠵᠢᠨ ᠶᠡᠷᠦᠩᠬᠡᠶ ᠲᠥᠯᠥᠪᠵᠢᠭᠦᠯᠭᠡ ᠭᠡᠰᠡᠨ᠎ᠢ ᠶᠠᠷᠢᠭ᠋ᠠᠳ ᠦᠭᠭᠦᠨ᠎ᠡ ᠤᠤ?
ᠵᠠᠩ ᠵᠢᠨ ᠳ᠋ᠦᠩ᠄
ᠬᠤᠳᠠ ᠵᠢᠨ ᠶᠡᠷᠦᠩᠬᠡᠶ ᠲᠥᠯᠥᠪᠵᠢᠭᠦᠯᠭᠡ᠎ᠨᠢ ᠬᠤᠲᠠ ᠵᠢᠨ ᠬᠡᠪᠴᠢᠶ᠎ᠡ᠎ᠳᠠᠬᠢ ᠬᠣᠲᠠ ᠬᠥᠳᠡᠭᠡ ᠵᠢᠨ ᠲᠥᠯᠥᠪᠵᠢᠭᠦᠯᠭᠡ ᠪᠠ ᠬᠤᠳᠠ ᠵᠢᠨ ᠲᠥᠯᠥᠪᠵᠢᠭᠦᠯᠭᠡ ᠵᠢ ᠬᠠᠮᠤᠷᠴᠤ᠂ ᠬᠤᠳᠠ ᠵᠢ ᠢᠯᠡᠷᠡᠭᠦᠯᠬᠦ᠎ᠪᠠᠷ ᠪᠠᠷᠠᠬᠤ ᠦᠭᠡᠢ᠂ ᠰᠢᠶᠠᠩ ᠪᠠᠯᠭ᠋ᠠᠰᠤ ᠪᠣᠯᠤᠨ ᠭᠠᠴᠠᠭ᠎ᠠ ᠲᠤᠰᠬᠤᠨ᠎ᠢ ᠴᠤ᠌ ᠢᠯᠡᠷᠡᠭᠦᠯᠵᠦ ᠪᠠᠢ᠌ᠳᠠᠭ᠃ ᠡᠶ᠋ᠢᠮᠦ᠎ᠠᠴᠠ᠂ ᠬᠤᠳᠠ ᠬᠥᠳᠡᠭᠡ ᠵᠢᠨ ᠲᠥᠯᠥᠪᠵᠢᠭᠦᠯᠭᠡ ᠪᠣᠯ ᠵᠣᠬᠢᠬᠤ ᠬᠤᠭᠤᠴᠠᠭ᠋ᠠᠨ᠎ᠤ ᠳᠤᠲᠤᠷᠠᠬᠢ ᠬᠤᠲᠠ ᠬᠥᠳᠡᠭᠡ ᠵᠢᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ᠂ ᠭᠠᠵᠠᠷ ᠰᠢᠷᠣᠶ ᠵᠢᠨ ᠠᠰᠢᠭᠯᠠᠯᠲᠠ᠂ ᠣᠷᠣᠨ ᠵᠠᠶ ᠵᠢᠨ ᠪᠠᠶ᠋ᠢᠷᠢᠰᠢᠭᠤᠯᠤᠯ ᠬᠢᠭᠡᠳ ᠬᠥᠭᠵᠢᠯᠲᠡ ᠪᠦᠲᠦᠭᠡᠨ ᠪᠠᠶ᠋ᠢᠭᠤᠯᠤᠯᠲᠠ ᠵᠢ ᠶᠡᠷᠦᠩᠬᠡᠢ᠌ᠯᠡᠨ ᠪᠠᠢ᠌ᠷᠢᠯᠠᠭᠤᠯᠵᠤ᠂ ᠪᠣᠳᠠᠲᠠᠶ ᠲᠤᠬᠢᠷᠠᠭᠤᠯᠬᠤ ᠪᠠ ᠬᠠᠮᠢᠶᠠᠷᠤᠯᠲᠠ ᠵᠢ ᠶᠠᠪᠤᠭᠤᠯᠳᠠᠭ᠃ ᠬᠤᠳᠠ ᠬᠥᠳᠡᠭᠡ ᠵᠢᠨ ᠲᠥᠯᠥᠪᠵᠢᠭᠦᠯᠭᠡ ᠪᠣᠯ ᠬᠣᠳᠠ ᠬᠥᠳᠡᠭᠡ ᠵᠢᠨ ᠪᠥᠳᠥᠭᠡᠨ ᠪᠠᠶ᠋ᠢᠭᠤᠯᠤᠯᠲᠠ ᠪᠠ ᠬᠠᠮᠢᠶᠠᠷᠤᠯᠲᠠ ᠵᠢᠨ ᠦᠨᠳᠦᠰᠦᠨ ᠡᠰᠢ ᠪᠠᠷᠢᠮᠲᠠ᠂ ᠬᠣᠲᠠ ᠬᠥᠳᠡᠭᠡ ᠵᠢᠨ ᠭᠠᠵᠠᠷ ᠰᠢᠷᠣᠶ ᠪᠠ ᠣᠷᠣᠨ ᠵᠠᠶ ᠵᠢᠨ ᠡᠬᠢ ᠪᠠᠶᠠᠯᠢᠭ᠎ᠢ ᠵᠦᠢ ᠵᠣᠬᠢᠰᠲᠠᠶ ᠠᠰᠢᠭᠯᠠᠬᠤ ᠪᠠᠲᠤᠯᠠᠭ᠎ᠠ᠂ ᠡᠯ᠎ᠡ ᠵᠦᠢ᠍ᠯ᠎ᠤᠨ ᠪᠦᠳᠦᠭᠡᠠ ᠪᠠᠶ᠋ᠢᠭᠤᠯᠤᠯᠲᠠ ᠵᠢ ᠡᠮᠬᠢ ᠵᠢᠷᠤᠮ᠎ᠲᠠᠢ᠎ᠪᠠᠷ ᠬᠢᠬᠦ ᠤᠷᠢᠲᠠᠯ ᠪᠠ ᠰᠠᠭᠤᠷᠢ ᠪᠤᠯᠤᠨ᠎ᠠ᠃ 《ᠬᠤᠳᠠ ᠬᠥᠳᠡᠭᠡ ᠵᠢᠨ ᠲᠥᠯᠥᠪᠵᠢᠭᠦᠯᠭᠡ ᠵᠢᠨ ᠬᠠᠤᠯᠢ》 ᠵᠢᠨ ᠲᠣᠭᠲᠠᠭ᠋ᠠᠯ᠎ᠢ ᠦᠨᠳᠦᠰᠦᠯᠡᠪᠡᠯ᠂ ᠮᠠᠨ᠎ᠤ ᠤᠯᠤᠰ᠎ᠤᠨ ᠬᠣᠳᠠ ᠬᠥᠳᠡᠭᠡ ᠵᠢᠨ ᠲᠥᠯᠥᠪᠵᠢᠭᠦᠯᠭᠡ ᠵᠢᠨ ᠲᠤᠭᠲᠠᠯᠴᠠᠭ᠎ᠠ ᠪᠣᠯ ᠬᠣᠳᠠ ᠪᠠᠯᠭ᠋ᠠᠰᠤᠨ᠎ᠤ ᠲᠤᠭᠲᠠᠯᠴᠠᠭ᠎ᠠ ᠵᠢᠨ ᠲᠥᠯᠥᠪᠵᠢᠭᠦᠯᠭᠡ᠂ ᠬᠣᠳᠠ ᠵᠢᠨ ᠲᠥᠯᠥᠪᠵᠢᠭᠦᠯᠭᠡ᠂ ᠪᠠᠯᠭ᠋ᠠᠰᠤᠨ᠎ᠤ ᠲᠥᠯᠥᠪᠵᠢᠭᠦᠯᠭᠡ᠂ ᠰᠢᠶᠠᠩ᠎ᠤᠨ ᠲᠥᠯᠥᠪᠵᠢᠭᠦᠯᠭᠡ ᠪᠣᠯᠤᠨ ᠠᠶ᠋ᠢᠯ ᠲᠣᠰᠬᠣᠨ᠎ᠤ ᠲᠥᠯᠥᠪᠵᠢᠭᠦᠯᠭᠡ᠎ᠪᠠᠷ ᠪᠦᠷᠢᠯᠳᠦᠨ᠎ᠡ᠃
ᠬᠤᠳᠠ ᠵᠢᠨ ᠶᠡᠷᠦᠩᠬᠡᠶ ᠲᠥᠯᠥᠪᠵᠢᠭᠦᠯᠭᠡ ᠪᠣᠯ ᠵᠣᠬᠢᠬᠤ ᠬᠤᠭᠤᠴᠠᠭ᠋ᠠᠨ᠎ᠤ ᠳᠤᠲᠤᠷᠠᠬᠢ ᠬᠤᠳᠠ ᠵᠢᠨ ᠬᠥᠭᠵᠢᠯᠲᠡ ᠵᠢᠨ ᠬᠠᠷᠠᠯᠲᠠ᠂ ᠬᠥᠭᠵᠢᠯᠲᠡ ᠵᠢᠨ ᠬᠡᠪᠴᠢᠶ᠎ᠡ᠂ ᠭᠠᠵᠠᠷ ᠰᠢᠷᠣᠶ ᠵᠢᠨ ᠠᠰᠢᠭᠯᠠᠯᠲᠠ᠂ ᠣᠷᠣᠨ ᠵᠠᠶ ᠵᠢᠨ ᠪᠠᠶ᠋ᠢᠷᠢᠰᠢᠭᠤᠯᠤᠯ ᠬᠢᠭᠡᠳ ᠡᠯ᠎ᠡ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠶᠡᠷᠦᠩᠬᠡᠶ ᠪᠠᠶ᠋ᠢᠷᠢᠯᠠᠭᠤᠯᠤᠯᠲᠠ ᠪᠣᠯᠤᠨ ᠬᠡᠷᠡᠭᠵᠢᠭᠦᠯᠬᠦ ᠠᠷᠭ᠎ᠠ ᠬᠡᠮᠵᠢᠶ᠎ᠡ᠂ ᠬᠤᠳᠠ ᠵᠢᠨ ᠪᠦᠳᠦᠭᠡᠨ ᠪᠠᠶ᠋ᠢᠭᠤᠯᠤᠯᠲᠠ ᠵᠢ ᠬᠥᠲᠥᠯᠥᠨ ᠵᠢᠯᠣᠭᠣᠳᠬᠤ ᠪᠠ ᠲᠣᠬᠢᠷᠠᠭᠤᠯᠤᠨ ᠡᠵᠡᠮᠳᠡᠵᠦ᠂ ᠬᠤᠲᠠ ᠵᠢᠨ ᠤᠷᠤᠨ ᠵᠠᠢ ᠵᠢᠨ ᠡᠬᠢ ᠪᠠᠶᠠᠯᠢᠭ᠎ᠢ ᠬᠠᠮᠠᠭ᠋ᠠᠯᠠᠵᠤ ᠬᠠᠮᠢᠶᠠᠷᠬᠤ ᠴᠢᠬᠤᠯᠠ ᠦᠨᠳᠦᠰᠦᠯᠡᠯ ᠪᠠ ᠠᠷᠭ᠎ᠠ ᠪᠠᠷᠢᠯ ᠪᠤᠯᠤᠨ᠎ᠠ᠃ ᠶᠡᠷᠦᠩᠬᠡᠶ ᠱᠦᠵᠢ ᠰᠢ ᠵᠢᠨ ᠫᠢᠩ ᠪᠡᠭᠡᠵᠢᠩ ᠬᠣᠲᠠ ᠵᠢᠨ ᠪᠦᠲᠦᠭᠡᠨ ᠪᠠᠶ᠋ᠢᠭᠤᠯᠤᠯᠲᠠ ᠵᠢ ᠪᠠᠢ᠌ᠴᠠᠭ᠋ᠠᠨ ᠦᠵᠡᠬᠦ᠎ᠳᠡᠭᠡᠨ ᠵᠢᠭ᠋ᠠᠭᠰᠠᠨ᠎ᠨᠢ᠂ 《ᠬᠤᠳᠠ ᠵᠢᠨ ᠲᠥᠯᠥᠪᠵᠢᠭᠦᠯᠭᠡ᠎ᠨᠢ ᠬᠤᠲᠠ ᠵᠢᠨ ᠬᠥᠭᠵᠢᠯᠲᠡ ᠵᠢᠨ ᠳᠤᠮᠳᠠ ᠴᠢᠬᠤᠯᠠ ᠬᠦᠲᠦᠯᠦᠨ ᠳᠠᠭ᠋ᠠᠭᠤᠯᠬᠤ ᠦᠢ᠍ᠯᠡᠳᠦᠯ ᠦᠵᠡᠭᠦᠯᠵᠦ ᠪᠠᠢ᠌ᠳᠠᠭ᠂ ᠨᠢᠭᠡ ᠬᠤᠲᠠ ᠵᠢ ᠪᠠᠢ᠌ᠴᠠᠭ᠋ᠠᠨ ᠦᠵᠡᠬᠦ᠎ᠳᠤ ᠶᠠᠭᠤᠨ᠎ᠤ ᠡᠮᠦᠨ᠎ᠡ ᠲᠦᠯᠦᠪᠵᠢᠭᠦᠯᠭᠡ ᠵᠢ᠎ᠨᠢ ᠦᠵᠡᠬᠦ ᠬᠡᠷᠡᠭᠲᠡᠢ᠂ ᠲᠦᠯᠦᠪᠵᠢᠭᠦᠯᠭᠡ᠎ᠨᠢ ᠰᠢᠨᠵᠢᠯᠡᠬᠦ ᠤᠬᠠᠭ᠋ᠠᠨᠴᠢ ᠪᠠᠢ᠌ᠬᠤ ᠪᠤᠯ ᠬᠠᠮᠤᠭ᠎ᠤᠨ ᠶᠡᠬᠡ ᠦᠷ᠎ᠡ ᠠᠰᠢᠭ᠂ ᠲᠥᠯᠥᠪᠵᠢᠭᠦᠯᠭᠡ᠎ᠨᠢ ᠠᠯᠳᠠᠭ᠎ᠠ ᠪᠤᠷᠤᠭᠤ᠎ᠲᠠᠢ ᠪᠤᠯ ᠬᠠᠮᠤᠭ᠎ᠤᠨ ᠶᠡᠬᠡ ᠪᠦᠷᠢᠯᠭᠡᠨ ᠰᠦᠢ᠍ᠳᠬᠡᠯ᠂ ᠲᠥᠯᠥᠪᠵᠢᠭᠦᠯᠭᠡ ᠵᠢ ᠳᠡᠩᠰᠡᠯᠭᠡᠬᠦ ᠪᠣᠯ ᠬᠠᠮᠤᠭ᠎ᠤᠨ ᠶᠡᠬᠡ ᠴᠡᠭᠡᠷᠯᠡᠯ ᠮᠦᠨ》 ᠭᠡᠪᠡ᠃
ᠬᠤᠳᠠ ᠵᠢᠨ ᠲᠥᠯᠥᠪᠵᠢᠭᠦᠯᠭᠡ ᠵᠢᠨ ᠦᠢ᠍ᠯᠡᠳᠦᠯ ᠪᠣᠯ ᠵᠠᠰᠠᠭ᠎ᠤᠨ ᠣᠷᠳᠣᠨ᠎ᠠᠴᠠ ᠬᠣᠲᠠ ᠵᠢᠨ ᠢᠷᠡᠭᠡᠳᠦᠶ ᠵᠢᠨ ᠬᠥᠭᠵᠢᠯᠲᠡ ᠵᠢᠨ ᠬᠠᠷᠠᠯᠲᠠ ᠵᠢ ᠲᠣᠭᠲᠠᠭ᠋ᠠᠵᠤ᠂ ᠡᠳᠡᠭᠡᠷ ᠬᠠᠷᠠᠯᠲᠠ ᠵᠢ ᠪᠡᠶᠡᠯᠡᠭᠦᠯᠬᠦ ᠠᠷᠭ᠎ᠠ ᠵᠠᠮ᠂ ᠠᠯᠬᠤᠮ ᠳᠠᠷᠠᠭ᠎ᠠ ᠪᠠ ᠠᠵᠢᠯᠯᠠᠭ᠋ᠠᠨ᠎ᠤ ᠬᠥᠲᠥᠯᠪᠦᠷᠢ ᠵᠢᠴᠢ ᠬᠤᠲᠠ ᠵᠢᠨ ᠤᠷᠤᠨ ᠵᠠᠢ᠂ ᠢᠯᠠᠩᠭᠤᠶ᠎ᠠ ᠭᠠᠵᠠᠷ ᠰᠢᠷᠣᠶ ᠵᠢᠨ ᠡᠬᠢ ᠪᠠᠶᠠᠯᠢᠭ᠎ᠤᠨ ᠲᠣᠭᠢᠷᠠᠭᠣᠯᠣᠯᠳᠠ ᠵᠢ ᠲᠤᠭᠲᠠᠭ᠋ᠠᠵᠤ᠂ ᠢᠷᠡᠭᠡᠳᠦᠶ᠎ᠳᠤ ᠬᠤᠲᠠ ᠵᠢᠨ ᠬᠥᠭᠵᠢᠯᠲᠡ ᠵᠢ ᠵᠢᠯᠣᠭᠣᠳᠤᠨ ᠡᠵᠡᠮᠳᠡᠬᠦ ᠬᠥᠲᠥᠯᠪᠦᠷᠢ ᠵᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃
ᠬᠥᠲᠥᠯᠥᠭᠴᠢ᠄
ᠬᠤᠳᠠ ᠵᠢᠨ ᠶᠡᠷᠦᠩᠬᠡᠶ ᠲᠥᠯᠥᠪᠵᠢᠭᠦᠯᠭᠡ ᠵᠢ ᠰᠠᠶ᠋ᠢᠲᠤᠷ ᠬᠢᠶ᠎ᠡ ᠭᠡᠪᠡᠯ ᠡᠷᠬᠡᠪᠰᠢ ᠲᠤᠰ ᠪᠡᠶ᠎ᠡ ᠵᠢᠨ ᠪᠠᠢ᠌ᠳᠠᠯ ᠵᠶ᠋ᠠᠨ ᠤᠷᠢᠳᠠᠪᠠᠷ ᠲᠤᠳᠤᠷᠬᠠᠢ ᠪᠤᠯᠭ᠋ᠠᠵᠤ᠂ ᠮᠠᠨ᠎ᠤ ᠪᠠᠶ᠋ᠢᠳᠠᠯ ᠵᠶ᠋ᠡᠨ ᠮᠡᠳᠡᠬᠦ ᠬᠡᠷᠡᠭᠲᠡᠢ᠂ ᠤᠯᠠᠭ᠋ᠠᠨᠬᠠᠳᠠ ᠬᠥᠭᠵᠢᠯᠲᠡ ᠵᠢᠨ ᠲᠠᠯ᠎ᠠ᠎ᠪᠠᠷ ᠶᠠᠮᠠᠷ ᠶᠠᠮᠠᠷ ᠳᠠᠪᠠᠭᠤᠯᠢᠭ ᠲᠠᠯ᠎ᠠ᠎ᠲᠠᠢ ᠪᠤᠢ?
ᠵᠠᠩ ᠵᠢᠨ ᠳ᠋ᠦᠩ᠄
ᠤᠯᠠᠭ᠋ᠠᠨᠬᠠᠳᠠ ᠬᠣᠲᠠ᠎ᠨᠢ ᠦᠪᠦᠷ ᠮᠣᠩᠭᠣᠯ ᠡᠾᠸᠪᠸᠢ ᠯᠢᠶᠣᠤᠨᠢᠩ᠎ᠲᠠᠢ ᠬᠦᠷᠰᠢᠯᠡᠵᠦ᠂ ᠥᠪᠥᠷ ᠮᠣᠩᠭᠣᠯ ᠬᠢᠭᠡᠳ ᠪᠡᠭᠡᠵᠢᠩ ᠲᠢᠶᠠᠨᠵᠢᠨ ᠡᠾᠸᠪᠸᠢ᠂ ᠯᠢᠶᠣᠤᠨᠢᠩ᠎ᠤᠨ ᠳᠤᠮᠳᠠᠳᠤ ᠡᠮᠦᠨᠡᠲᠦ ᠵᠢᠨ ᠬᠣᠲᠠ ᠪᠠᠯᠭ᠋ᠠᠰᠤ ᠵᠢᠨ ᠲᠥᠪᠯᠡᠷᠡᠯ ᠪᠣᠯᠤᠨ ᠪᠦᠸᠸᠬᠠᠢ ᠲᠠᠩᠭᠢᠰ ᠳᠠᠭ᠋ᠠᠤ ᠣᠷᠣᠨ᠎ᠤ ᠡᠯ᠎ᠡ ᠭᠠᠷᠠᠮ᠎ᠲᠠᠢ ᠬᠠᠷᠢᠯᠴᠠᠬᠤ ᠴᠢᠬᠤᠯᠠ ᠵᠠᠩᠭᠢᠯᠠᠭ᠎ᠠ ᠵᠢᠨ ᠬᠦᠢ᠍ᠰᠦ ᠪᠤᠯᠤᠨ᠎ᠠ᠂ ᠭᠡᠪᠡᠴᠦ ᠡᠨᠡ ᠬᠦ᠌ ᠳᠠᠪᠠᠭᠤᠯᠢᠭ ᠲᠠᠯ᠎ᠠ᠎ᠪᠠᠨ ᠣᠳᠣᠬᠠᠨ᠎ᠳᠤ ᠪᠠᠰᠠ ᠪᠦᠷᠢᠨ ᠪᠠᠳᠠᠷᠠᠭᠤᠯᠵᠤ ᠴᠢᠳᠠᠭ᠎ᠠ ᠦᠭᠡᠢ ᠪᠠᠢ᠌ᠭᠰᠠᠭ᠋ᠠᠷ᠃ ᠤᠯᠠᠭ᠋ᠠᠨᠬᠠᠳᠠ ᠪᠣᠯ ᠲᠠᠷᠢᠶᠠᠯᠠᠩ ᠮᠠᠯ ᠠᠵᠤ ᠠᠬᠤᠶ ᠰᠣᠯᠪᠢᠴᠠᠭᠰᠠᠨ ᠭᠠᠵᠠᠷ ᠣᠷᠣᠨ᠂ ᠲᠠᠷᠢᠶᠠᠯᠠᠩ ᠮᠠᠯ ᠠᠵᠤ ᠠᠬᠤᠶ ᠵᠢᠨ ᠡᠬᠢ ᠪᠠᠶᠠᠯᠢᠭ ᠡᠯᠪᠡᠭ ᠳᠡᠯᠪᠡᠭ᠂ ᠲᠠᠷᠢᠶᠠᠯᠠᠩ ᠮᠠᠯ ᠠᠵᠤ ᠠᠬᠤᠶ ᠵᠢᠨ ᠪᠦᠲᠦᠭᠡᠭᠳᠡᠬᠦᠨ᠎ᠤ ᠲᠥᠷᠥᠯ ᠵᠦᠢ᠍ᠯ ᠣᠯᠠᠨ᠂ ᠬᠣᠯᠪᠣᠭᠳᠠᠯ ᠪᠦᠬᠦᠢ ᠠᠵᠤ ᠦᠢ᠍ᠯᠡᠳᠪᠦᠷᠢ ᠵᠢᠨ ᠬᠥᠭᠵᠢᠯᠲᠡ᠎ᠲᠤ ᠲᠠᠪᠴᠠᠩ ᠬᠠᠩᠭ᠋ᠠᠪᠠ᠃ ᠤᠯᠠᠭ᠋ᠠᠨᠬᠠᠳᠠ ᠬᠣᠲᠠ ᠵᠢᠨ ᠬᠡᠪᠴᠢᠶᠡᠨ᠎ᠤ ᠳᠣᠲᠣᠷ᠎ᠠ ᠥᠩᠭᠡᠲᠦ ᠲᠡᠮᠦᠷᠯᠢᠭ᠎ᠤᠨ ᠡᠬᠢ ᠪᠠᠶᠠᠯᠢᠭ ᠡᠯᠪᠡᠭ ᠳᠡᠯᠪᠡᠭ᠂ ᠥᠪᠥᠷ ᠮᠣᠩᠭᠣᠯ᠎ᠤᠨ 《ᠶᠡᠬᠡ ᠬᠢᠩᠭ᠋ᠠᠨ ᠳᠠᠪᠠᠭ᠋ᠠᠨ᠎ᠤ ᠡᠩᠭᠡᠷ᠎ᠲᠠᠢ ᠲᠡᠮᠦᠷᠯᠢᠭ᠎ᠤᠨ ᠠᠭᠤᠷᠬᠠᠶ ᠵᠢᠨ ᠭᠠᠷᠭ᠋ᠠᠯᠲᠠ ᠵᠢ ᠪᠦᠬᠦ ᠲᠠᠯ᠎ᠠ᠎ᠪᠠᠷ ᠨᠡᠭᠡᠭᠡᠨ ᠠᠰᠢᠭᠯᠠᠬᠤ ᠠᠵᠤ ᠦᠢ᠍ᠯᠡᠳᠪᠦᠷᠢ ᠵᠢᠨ ᠰᠠᠭᠤᠷᠢᠨ ᠭᠠᠵᠠᠷ》᠎ᠤᠨ ᠭᠣᠣᠯ ᠣᠷᠣᠨ ᠪᠣᠯᠤᠨ᠎ᠠ᠃ ᠵᠢᠭᠤᠯᠴᠢᠯᠠᠯ᠎ᠤᠨ ᠡᠬᠢ ᠪᠠᠶᠠᠯᠢᠭ ᠥᠨᠢᠷ ᠪᠠᠶᠠᠯᠢᠭ᠂ ᠥᠪᠥᠷ ᠮᠣᠩᠭᠣᠯ᠎ᠤᠨ ᠵᠢᠭᠤᠯᠴᠢᠯᠠᠯ᠎ᠤᠨ ᠡᠬᠢ ᠪᠠᠶᠠᠯᠢᠭ᠎ᠤᠨ ᠶᠡᠬᠡ ᠬᠤᠳᠠ᠂ ᠪᠠᠶ᠋ᠢᠭ᠋ᠠᠯᠢ ᠬᠢᠭᠡᠳ ᠬᠥᠮᠦᠨ ᠨᠡᠶ᠋ᠢᠭᠡᠮ᠎ᠤᠨ ᠦᠵᠡᠮᠵᠢ ᠵᠢᠨ ᠡᠬᠢ ᠪᠠᠶᠠᠯᠢᠭ ᠲᠤᠶᠠᠭ᠋ᠠᠷᠠᠨ ᠲᠠᠷᠬᠠᠬᠤ ᠮᠦᠷᠲᠡᠭᠡᠨ ᠡᠬᠢ ᠪᠠᠶᠠᠯᠢᠭ᠎ᠤᠨ ᠨᠡᠶ᠋ᠢᠲᠡᠯᠢᠭ ᠴᠢᠨᠠᠷ ᠪᠠ ᠥᠪᠡᠷᠮᠢᠴᠡ ᠴᠢᠨᠠᠷ᠎ᠢ ᠴᠢᠩᠭ᠎ᠠ ᠬᠠᠳᠠᠭ᠋ᠠᠯᠠᠭᠰᠠᠨ ᠣᠨᠴᠠᠯᠢᠭ᠎ᠲᠠᠢ ᠶᠤᠮ᠃ ᠤᠯᠠᠭ᠋ᠠᠨᠬᠠᠳᠠ ᠵᠢᠨ ᠲᠡᠦᠬᠡ ᠰᠣᠶᠣᠯ ᠡᠯᠪᠡᠭ ᠨᠥᠭᠡᠴᠡ᠎ᠲᠠᠢ᠂ ᠥᠪ ᠪᠠᠶᠠᠯᠢᠭ ᠡᠯᠪᠡᠭ᠂ ᠣᠳᠣᠬᠠᠨ᠎ᠳᠤ ᠪᠦᠬᠦ ᠤᠯᠤᠰ᠎ᠤᠨ ᠬᠠᠭᠤᠴᠢ ᠰᠤᠳᠤᠯᠤᠯ᠎ᠤᠨ ᠰᠣᠶᠣᠯ᠎ᠤᠨ ᠨᠡᠷᠡᠢ᠌ᠳᠦᠯ ᠵᠶ᠋ᠡᠷ ᠬᠠᠮᠤᠭ᠎ᠤᠨ ᠣᠯᠠᠨ ᠲᠤᠰᠬᠠᠶ ᠣᠷᠣᠨ᠎ᠤ ᠳᠡᠰ᠎ᠤᠨ ᠬᠣᠲᠠ ᠪᠤᠯᠤᠨ᠎ᠠ᠃ ᠡᠳᠡᠭᠡᠷ ᠨᠥᠬᠥᠴᠡᠯ᠎ᠨᠢ ᠤᠯᠠᠭ᠋ᠠᠨᠬᠠᠳᠠ ᠵᠢᠨ ᠢᠷᠡᠭᠡᠳᠦᠶ ᠵᠢᠨ ᠬᠥᠭᠵᠢᠯᠲᠡ᠎ᠳᠤ ᠥᠷᠭᠡᠨ ᠠᠭᠤᠳᠠᠮ ᠳᠡᠭᠡᠭᠰᠢᠯᠡᠭᠦᠯᠬᠦ ᠪᠣᠯᠤᠮᠵᠢ ᠣᠯᠭᠣᠭᠰᠠᠨ ᠪᠠᠶ᠋ᠢᠨ᠎ᠠ᠃
ᠬᠥᠲᠥᠯᠥᠭᠴᠢ᠄
ᠬᠤᠲᠠ ᠵᠢᠨ ᠰᠢᠨ᠎ᠡ ᠶᠡᠷᠦᠩᠬᠡᠶ ᠲᠥᠯᠥᠪᠵᠢᠭᠦᠯᠭᠡ ᠳᠤᠲᠤᠷᠠᠬᠢ ᠤᠯᠠᠭ᠋ᠠᠨᠬᠠᠳᠠ ᠬᠣᠲᠠ ᠵᠢᠨ ᠬᠥᠭᠵᠢᠯᠲᠡ ᠵᠢᠨ ᠬᠠᠷᠠᠯᠲᠠ᠎ᠨᠢ ᠶᠠᠮᠠᠷᠬᠠᠨ ᠰᠢᠤ ᠪᠤᠢ?
ᠵᠠᠩ ᠵᠢᠨ ᠳ᠋ᠦᠩ᠄
ᠬᠤᠳᠠ ᠵᠢᠨ ᠰᠢᠨ᠎ᠡ ᠶᠡᠷᠦᠩᠬᠡᠶ ᠲᠥᠯᠥᠪᠵᠢᠭᠦᠯᠭᠡ᠎ᠨᠢ ᠤᠯᠠᠭ᠋ᠠᠨᠬᠠᠳᠠ ᠵᠢ ᠥᠪᠥᠷ ᠮᠣᠩᠭᠣᠯ᠎ᠤᠨ ᠵᠡᠭᠦᠨ ᠪᠡᠶ᠎ᠡ ᠵᠢᠨ ᠣᠷᠣᠨ ᠪᠦᠰᠡ ᠵᠢᠨ ᠴᠢᠨᠠᠷᠲᠠᠶ ᠭᠣᠣᠯ ᠬᠤᠳᠠ᠂ ᠥᠩᠭᠡᠲᠦ ᠲᠡᠮᠦᠷᠯᠢᠭ᠂ ᠡᠨᠧᠷᠭᠢ ᠬᠢᠮᠢ ᠵᠢᠨ ᠠᠵᠤ ᠦᠢ᠍ᠯᠡᠳᠪᠦᠷᠢ᠂ ᠠᠷᠠᠯᠵᠢᠶ᠎ᠠ ᠬᠤᠳᠠᠯᠳᠤᠭ᠎ᠠ ᠪᠠ ᠰᠣᠶᠣᠯ ᠵᠢᠭᠤᠯᠴᠢᠯᠠᠯ᠎ᠤᠨ ᠣᠨᠴᠠᠯᠢᠭ᠎ᠲᠠᠢ᠂ ᠠᠮᠢ ᠠᠬᠤᠶ᠎ᠨᠢ ᠰᠠᠭᠤᠷᠢᠰᠢᠬᠤ᠎ᠳᠤ ᠲᠣᠬᠢᠷᠠᠮᠵᠢᠲᠠᠶ ᠰᠣᠶᠣᠯ᠎ᠤᠨ ᠨᠡᠷᠡᠲᠦ ᠬᠣᠲᠠ ᠪᠣᠯᠭ᠋ᠠᠨ ᠪᠦᠳᠦᠭᠡᠨ ᠪᠠᠢ᠌ᠭᠤᠯᠤᠨ᠎ᠠ᠃ ᠡᠭᠦᠨ᠎ᠳᠤ 《ᠣᠷᠣᠨ ᠪᠦᠰᠡ ᠵᠢᠨ ᠴᠢᠨᠠᠷᠲᠠᠶ ᠭᠤᠤᠯ ᠬᠣᠲᠠ᠂ ᠦᠪᠡᠷᠮᠢᠴᠡ ᠣᠨᠴᠠᠯᠢᠭ᠎ᠲᠠᠢ᠂ ᠠᠮᠢ ᠠᠬᠤᠶ᠎ᠨᠢ ᠰᠠᠭᠤᠷᠢᠰᠢᠬᠤ᠎ᠳᠤ ᠲᠣᠬᠢᠷᠠᠮᠵᠢᠲᠠᠶ ᠰᠣᠶᠣᠯ᠎ᠤᠨ ᠨᠡᠷᠡᠲᠦ ᠬᠣᠲᠠ》 ᠭᠡᠬᠦ ᠭᠤᠷᠪᠠᠨ ᠵᠠᠩᠭᠢᠯᠠᠭ᠎ᠠ ᠵᠢᠨ ᠦᠭᠡ᠎ᠲᠠᠢ᠃ ᠣᠷᠣᠨ ᠪᠦᠰᠡ ᠵᠢᠨ ᠴᠢᠨᠠᠷᠲᠠᠶ ᠲᠥᠪ ᠬᠤᠳᠠ ᠭᠡᠳᠡᠭ᠎ᠨᠢ ᠤᠯᠠᠭ᠋ᠠᠨᠬᠠᠳᠠ ᠬᠣᠲᠠ ᠵᠢᠨ ᠦᠪᠦᠷ ᠮᠤᠩᠭᠤᠯ᠎ᠤᠨ ᠵᠡᠭᠦᠨ ᠪᠡᠶ᠎ᠡ ᠵᠢᠨ ᠭᠠᠵᠠᠷ ᠣᠷᠣᠨ᠎ᠳᠠᠬᠢ ᠪᠠᠶ᠋ᠢᠷᠢ ᠰᠠᠭᠤᠷᠢ ᠵᠢ ᠵᠢᠭ᠋ᠠᠵᠤ᠂ ᠦᠪᠡᠷᠮᠢᠴᠡ ᠣᠨᠴᠠᠯᠢᠭ ᠭᠡᠳᠡᠭ᠎ᠨᠢ ᠮᠠᠨ᠎ᠤ ᠠᠵᠤ ᠠᠬᠤᠶ ᠵᠢᠨ ᠬᠥᠭᠵᠢᠯᠲᠡ ᠵᠢᠨ ᠭᠣᠣᠯᠳᠠᠯᠭ᠎ᠠ᠂ ᠥᠭᠡᠷ᠎ᠡ᠎ᠪᠠᠷ ᠬᠡᠯᠡᠪᠡᠯ ᠮᠠᠨ᠎ᠤ ᠬᠤᠲᠠ ᠵᠢᠨ ᠬᠥᠭᠵᠢᠯᠲᠡ ᠵᠢᠨ ᠣᠨᠴᠠᠯᠢᠭ ᠪᠦᠬᠦᠢ ᠠᠵᠤ ᠦᠢ᠍ᠯᠡᠰ᠎ᠢ ᠵᠢᠭ᠋ᠠᠨ᠎ᠠ᠂ ᠠᠮᠢ ᠠᠬᠤᠶ᠎ᠨᠢ ᠰᠠᠭᠤᠷᠢᠰᠢᠬᠤ᠎ᠳᠤ ᠲᠣᠬᠢᠷᠠᠮᠵᠢᠲᠠᠶ ᠰᠣᠶᠣᠯ᠎ᠤᠨ ᠨᠡᠷᠡᠲᠦ ᠬᠣᠲᠠ ᠭᠡᠳᠡᠭ᠎ᠨᠢ ᠬᠤᠲᠠ ᠵᠢᠨ ᠣᠷᠣᠰᠢᠨ ᠰᠠᠭᠤᠬᠤ ᠣᠷᠴᠢᠨ ᠲᠣᠭᠣᠷᠢᠨ ᠪᠠ ᠬᠤᠲᠠ ᠵᠢᠨ ᠬᠢᠷᠢ ᠲᠦᠪᠰᠢᠨ᠎ᠪᠠᠷ ᠳᠠᠮᠵᠢᠭᠤᠯᠵᠤ ᠮᠠᠨ᠎ᠤ ᠬᠤᠳᠠ ᠵᠢᠨ ᠵᠥᠭᠡᠯᠡᠨ ᠬᠦᠴᠦᠨ ᠵᠶ᠋ᠡᠨ ᠳᠡᠭᠡᠭᠰᠢᠯᠡᠭᠦᠯᠬᠦ ᠵᠢ ᠬᠡᠯᠡᠵᠦ ᠪᠠᠢ᠌ᠨ᠎ᠠ᠃ ᠬᠥᠲᠥᠯᠥᠭᠴᠢ᠄
ᠤᠯᠠᠭ᠋ᠠᠨᠬᠠᠳᠠ ᠬᠣᠲᠠ ᠵᠢᠨ ᠶᠡᠷᠦᠩᠬᠡᠶ ᠲᠥᠯᠥᠪᠵᠢᠭᠦᠯᠭᠡ᠎ᠨᠢ ᠬᠤᠲᠠ ᠵᠢᠨ ᠬᠡᠪᠴᠢᠶ᠎ᠡ ᠵᠢᠨ ᠲᠤᠭᠲᠠᠯᠴᠠᠭ᠎ᠠ ᠪᠠ ᠭᠣᠣᠯ ᠬᠤᠳᠠ ᠪᠤᠯᠬᠤ ᠬᠣᠶᠠᠷ ᠲᠠᠯ᠎ᠠ ᠵᠢ ᠪᠠᠭᠲᠠᠭ᠋ᠠᠭᠰᠠᠨ ᠪᠠᠢ᠌ᠨ᠎ᠠ᠂ ᠲᠡᠭᠡᠭᠡᠪᠡᠯ ᠲᠠ ᠤᠯᠠᠨ᠎ᠳᠤ ᠳᠥᠭᠥᠮᠬᠡᠨ ᠲᠠᠨᠢᠯᠴᠠᠭᠤᠯᠵᠤ ᠥᠭᠭᠦᠨ᠎ᠡ ᠤᠤ?
ᠵᠠᠩ ᠵᠢᠨ ᠳ᠋ᠦᠩ᠄
ᠬᠣᠲᠠ ᠵᠢᠨ ᠬᠡᠪᠴᠢᠶᠠᠨ᠎ᠤ ᠳᠠᠪᠬᠤᠷᠭ᠎ᠠ᠎ᠳᠤ᠂ ᠪᠢᠳᠡ ᠡᠩ ᠲᠡᠷᠢᠭᠦᠨ᠎ᠳᠤ ᠠᠮᠢ ᠠᠬᠤᠢ ᠣᠷᠴᠢᠨ ᠲᠣᠭᠤᠷᠢᠨ᠎ᠢ ᠬᠠᠮᠠᠭ᠋ᠠᠯᠠᠬᠤ᠂ ᠵᠣᠬᠢᠬᠤ ᠬᠡᠮᠵᠢᠶ᠎ᠡ᠎ᠪᠠᠷ ᠲᠥᠪᠯᠡᠷᠡᠭᠦᠯᠦᠨ ᠬᠦᠭᠵᠢᠭᠦᠯᠵᠦ᠂ ᠦᠪᠡᠷᠮᠢᠴᠡ ᠣᠨᠴᠠᠯᠢᠭᠲᠤ ᠬᠣᠲᠠ ᠪᠠᠯᠭ᠋ᠠᠰᠤᠵᠢᠯᠲᠠ ᠵᠢᠨ ᠵᠠᠮ ᠵᠶ᠋ᠡᠷ ᠵᠠᠮᠨᠠᠨ᠎ᠠ ᠭᠡᠵᠡᠢ᠃ 《ᠨᠢᠭᠡ ᠲᠡᠩᠭᠡᠯᠢᠭ ᠬᠣᠶᠠᠷ ᠪᠦᠰᠡ᠂ ᠭᠣᠣᠯ ᠳᠡᠳ᠋ ᠭᠤᠷᠪᠠᠨ ᠲᠥᠪ》᠎ᠤᠨ ᠬᠣᠲᠠ ᠪᠠᠯᠭ᠋ᠠᠰᠤ ᠵᠢᠨ ᠣᠷᠤᠨ ᠵᠠᠢ ᠵᠢᠨ ᠪᠦᠲᠦᠴᠡ ᠵᠢ ᠲᠣᠭᠲᠠᠭ᠋ᠠᠪᠠ᠃ 《ᠨᠢᠭᠡ ᠲᠡᠩᠭᠡᠯᠢᠭ》 ᠭᠡᠳᠡᠭ᠎ᠨᠢ 303 ᠨᠣᠮᠸᠷᠲᠥ ᠤᠯᠤᠰ᠎ᠤᠨ ᠵᠠᠰᠠᠮᠠᠯ ᠵᠠᠮ᠂ ᠤᠯᠠᠭ᠋ᠠᠨᠬᠠᠳᠠ᠎ᠠᠴᠠ ᠳ᠋ᠠᠪᠠᠨ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠂ ᠶᠡᠬᠡ ᠪᠠᠢ᠌ᠰᠢᠩ (ᠵᠢᠶᠠᠨ ᠫᠢᠩ ᠰᠢᠶᠠᠨ)᠎ᠠᠴᠠ ᠤᠯᠠᠭ᠋ᠠᠨᠬᠠᠳᠠ ᠬᠦᠷᠬᠦ ᠲᠡᠮᠦᠷ ᠵᠠᠮ ᠵᠡᠷᠭᠡ ᠵᠠᠮ ᠳᠠᠭ᠋ᠠᠤ ᠪᠠᠢ᠌ᠭ᠎ᠠ ᠲᠢᠶᠠᠨ ᠢ ᠪᠠᠯᠭ᠋ᠠᠰᠤ᠂ ᠫᠢᠩ ᠵᠦᠸᠠᠩ ᠪᠠᠯᠭ᠋ᠠᠰᠤ᠂ ᠭᠣᠣᠯ ᠬᠣᠲᠠ ᠵᠢᠨ ᠲᠤᠭᠤᠷᠢᠭ᠂ ᠪᠣᠷᠤ ᠬᠣᠲᠠ᠂ ᠳ᠋ᠠᠪᠠᠨ ᠪᠠᠯᠭ᠋ᠠᠰᠤ᠂ ᠯᠢᠨᠰᠢ ᠪᠠᠯᠭ᠋ᠠᠰᠤ᠂ ᠪᠢᠷᠠᠭᠤ ᠪᠠᠯᠭ᠋ᠠᠰᠤ ᠵᠡᠷᠭᠡ ᠭᠣᠣᠯᠳᠠᠯᠭ᠎ᠠ᠎ᠲᠠᠢ ᠬᠣᠲᠠ ᠪᠠᠯᠭ᠋ᠠᠰᠤ ᠵᠢ ᠬᠣᠯᠪᠤᠨ ᠬᠦᠭᠵᠢᠯᠲᠡ ᠵᠢᠨ ᠲᠡᠩᠭᠡᠯᠢᠭ ᠪᠣᠯᠭ᠋ᠠᠬᠤ ᠵᠢ ᠵᠢᠭ᠋ᠠᠨ᠎ᠠ; 《ᠬᠣᠶᠠᠷ ᠪᠦᠰᠡ》 ᠵᠢᠨ ᠳᠣᠲᠤᠷᠠᠬᠢ 《ᠨᠢᠭᠡ ᠪᠦᠰᠡ》 ᠭᠡᠳᠡᠭ᠎ᠨᠢ ᠬᠣᠢ᠌ᠲᠤ ᠪᠡᠶ᠎ᠡ ᠵᠢᠨ ᠲᠥᠩᠯᠢᠶᠣᠣ᠎ᠠᠴᠠ ᠵᠢᠨᠢᠩ ᠬᠦᠷᠬᠦ ᠲᠡᠮᠦᠷ ᠵᠠᠮ ᠪᠠ ᠮᠤᠵᠢ ᠵᠢᠨ ᠳᠡᠰ᠎ᠤᠨ ᠳᠡᠭᠡᠳᠦ ᠬᠤᠷᠳᠤ ᠵᠢᠨ ᠵᠠᠮ ᠳᠠᠭ᠋ᠠᠤ ᠪᠠᠢ᠌ᠭ᠎ᠠ ᠪᠢᠷᠠᠭᠤ ᠪᠠᠯᠭ᠋ᠠᠰᠤ᠂ ᠯᠢᠨᠰᠢ ᠪᠠᠯᠭ᠋ᠠᠰᠤ᠂ ᠳ᠋ᠠᠪᠠᠨ ᠪᠠᠯᠭ᠋ᠠᠰᠤ᠂ ᠯᠢᠨᠳᠥᠩ ᠪᠠᠯᠭ᠋ᠠᠰᠤ ᠪᠠ ᠴᠢᠪᠠᠭ᠎ᠠ ᠪᠠᠯᠭ᠋ᠠᠰᠤ ᠵᠡᠷᠭᠡ ᠲᠠᠪᠤᠨ ᠬᠤᠰᠢᠭᠤ ᠰᠢᠶᠠᠨ ᠪᠠᠢ᠌ᠭ᠎ᠠ ᠪᠠᠯᠭ᠋ᠠᠰᠤ ᠵᠢ ᠬᠣᠯᠪᠤᠨ ᠪᠦᠷᠢᠯᠳᠦᠭᠰᠡᠨ ᠬᠣᠢ᠌ᠲᠤ ᠪᠡᠶ᠎ᠡ ᠵᠢᠨ ᠬᠦᠭᠵᠢᠯᠲᠡ ᠵᠢᠨ ᠪᠦᠰᠡ ᠵᠢ ᠵᠢᠭ᠋ᠠᠨ᠎ᠠ; ᠨᠦᠭᠦᠭᠡ 《ᠨᠢᠭᠡ ᠪᠦᠰᠡ》 ᠭᠡᠳᠡᠭ᠎ᠨᠢ ᠡᠮᠦᠨᠡᠲᠦ ᠪᠡᠶ᠎ᠡ ᠵᠢᠨ ᠲᠥᠩᠯᠢᠶᠣᠣ᠎ᠠᠴᠠ ᠪᠡᠭᠡᠵᠢᠩ ᠬᠦᠷᠬᠦ ᠲᠡᠮᠦᠷ ᠵᠠᠮ᠂ ᠤᠯᠠᠭ᠋ᠠᠨᠬᠠᠳᠠ᠎ᠠᠴᠠ ᠴᠸᠩᠳ᠋ᠸ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠂ ᠤᠯᠠᠭ᠋ᠠᠨᠬᠠᠳᠠ᠎ᠠᠴᠠ ᠲᠥᠩᠯᠢᠶᠣᠣ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠳᠠᠬᠢ ᠵᠢᠨ ᠱᠠᠨ ᠪᠠᠯᠭ᠋ᠠᠰᠤ᠂ ᠭᠣᠣᠯ ᠬᠣᠲᠠ ᠵᠢᠨ ᠲᠤᠭᠤᠷᠢᠭ ᠪᠠ ᠰᠢᠨ ᠬᠤᠢ ᠪᠠᠯᠭ᠋ᠠᠰᠤ ᠵᠢ ᠬᠣᠯᠪᠤᠨ ᠪᠦᠷᠢᠯᠳᠦᠭᠰᠡᠨ ᠡᠮᠦᠨᠡᠲᠦ ᠪᠡᠶ᠎ᠡ ᠵᠢᠨ ᠬᠦᠭᠵᠢᠯᠲᠡ ᠵᠢᠨ ᠪᠦᠰᠡ ᠵᠢ ᠵᠢᠭ᠋ᠠᠨ᠎ᠠ᠃ 《ᠭᠣᠣᠯ ᠳᠡᠳ᠋ ᠭᠤᠷᠪᠠᠨ ᠲᠥᠪ》᠎ᠨᠢ ᠨᠢᠭᠡ ᠬᠣᠲᠠ ᠵᠢᠨ ᠬᠡᠪᠴᠢᠶᠡᠨ᠎ᠤ ᠲᠥᠪ ᠳᠠᠷᠤᠢ ᠤᠯᠠᠭ᠋ᠠᠨᠬᠠᠳᠠ ᠵᠢᠨ ᠭᠣᠣᠯ ᠬᠣᠲᠠ᠂ ᠬᠣᠲᠠ ᠵᠢᠨ ᠬᠡᠪᠴᠢᠶᠡᠨ᠎ᠤ ᠬᠣᠶᠠᠷ ᠳᠡᠳ᠋ ᠲᠥᠪ᠎ᠨᠢ ᠳᠠᠷᠤᠢ ᠬᠣᠢ᠌ᠲᠤ ᠪᠡᠶ᠎ᠡ ᠵᠢᠨ ᠳ᠋ᠠᠪᠠᠨ ᠪᠠᠯᠭ᠋ᠠᠰᠤ ᠪᠠ ᠡᠮᠦᠨᠡᠲᠦ ᠪᠡᠶ᠎ᠡ ᠵᠢᠨ ᠲᠢᠶᠠᠨ ᠢ ᠪᠠᠯᠭ᠋ᠠᠰᠤ ᠵᠢ ᠬᠡᠯᠡᠨ᠎ᠡ᠃ ᠪᠣᠰᠤᠳ ᠬᠣᠲᠠ ᠪᠠᠯᠭ᠋ᠠᠰᠤ ᠵᠢᠨ ᠲᠦᠯᠦᠪᠵᠢᠭᠦᠯᠭᠡ᠎ᠨᠢ ᠦᠷᠭᠡᠨ ᠠᠭᠤᠳᠠᠮ ᠮᠠᠯᠵᠢᠬᠤ ᠲᠠᠷᠢᠶᠠᠯᠠᠬᠤ ᠤᠷᠤᠨ᠎ᠳᠤ ᠦᠨᠳᠦᠰᠦᠨ ᠤᠯᠠᠨ ᠨᠡᠢ᠌ᠲᠡ ᠵᠢᠨ ᠦᠢ᠍ᠯᠡᠴᠢᠯᠡᠭᠡ ᠬᠠᠩᠭ᠋ᠠᠬᠤ᠎ᠪᠠᠷ ᠭᠣᠣᠯᠯᠠᠵᠤ᠂ ᠲᠥᠯᠦᠪᠵᠢᠭᠦᠯᠭᠡ᠎ᠳᠤ ᠬᠣᠲᠠ ᠪᠠᠯᠭ᠋ᠠᠰᠤ ᠵᠢᠨ ᠬᠡᠪᠴᠢᠶᠡᠨ᠎ᠤ ᠵᠡᠷᠭᠡ ᠳᠡᠰ ᠵᠢᠨ ᠪᠦᠲᠦᠴᠡ ᠪᠠ ᠬᠣᠲᠠ ᠪᠠᠯᠭ᠋ᠠᠰᠤ ᠵᠢᠨ ᠡᠭᠦᠷᠭᠡ ᠴᠢᠳᠠᠪᠤᠷᠢ ᠵᠢᠨ ᠪᠦᠲᠦᠴᠡ ᠵᠢ ᠵᠣᠬᠢᠬᠤ ᠬᠡᠮᠵᠢᠶ᠎ᠡ᠎ᠪᠠᠷ ᠲᠡᠭᠦᠯᠳᠡᠷᠵᠢᠭᠦᠯᠪᠡ᠃ ᠡᠬᠢ ᠪᠠᠶᠠᠯᠢᠭ᠎ᠤᠨ ᠬᠢᠵᠠᠭ᠋ᠠᠷᠯᠠᠯ᠎ᠠᠴᠠ ᠪᠣᠯᠵᠤ᠂ ᠦᠨᠳᠦᠷ ᠬᠣᠷᠤᠭᠳᠠᠯᠲᠤ ᠠᠵᠤ ᠦᠢ᠍ᠯᠡᠰ᠎ᠤᠨ ᠬᠦᠭᠵᠢᠯᠲᠡ ᠵᠢ ᠴᠢᠩᠭ᠎ᠠ ᠬᠢᠵᠠᠭ᠋ᠠᠷᠯᠠᠪᠠ᠃
ᠭᠣᠣᠯ ᠬᠤᠳᠠ ᠵᠢᠨ ᠲᠣᠭᠣᠷᠢᠭ᠎ᠨᠢ 《ᠭᠣᠣᠯ ᠳᠠᠭ᠋ᠠᠤ ᠪᠦᠭᠡᠮᠡᠨᠡᠷᠡᠭᠦᠯᠬᠦ ᠮᠠᠶᠢᠭ ᠵᠶ᠋ᠡᠷ ᠬᠦᠭᠵᠢᠭᠦᠯᠬᠦ》 ᠲᠥᠯᠥᠪᠵᠢᠭᠦᠯᠭᠡ ᠵᠢᠨ ᠣᠨᠤᠯᠵᠢᠬᠤᠨ᠎ᠢ ᠤᠯᠠᠮᠵᠢᠯᠠᠵᠤ᠂ ᠲᠥᠷᠦᠭᠦᠴᠢ ᠵᠢᠨ ᠲᠥᠯᠥᠪᠵᠢᠭᠦᠯᠭᠡ ᠵᠢᠨ 《ᠭᠣᠣᠯ ᠳᠠᠭ᠋ᠠᠤ ᠳᠥᠷᠪᠡᠨ ᠬᠡᠰᠡᠭ᠂ ᠭᠠᠳᠠᠷ ᠲᠠᠯ᠎ᠠ᠎ᠳᠤ ᠭᠤᠷᠪᠠᠨ ᠴᠢᠭ᠋》 ᠵᠶ᠋ᠡᠷ ᠪᠠᠢ᠌ᠭᠤᠯᠬᠤ ᠣᠷᠤᠨ ᠵᠠᠢ ᠵᠢᠨ ᠪᠦᠲᠦᠴᠡ ᠵᠢᠨ ᠰᠠᠭᠤᠷᠢᠨ ᠳᠡᠭᠡᠷ᠎ᠡ 《ᠳᠤᠮᠳᠠ ᠬᠡᠰᠡᠭ᠎ᠲᠤ ᠵᠢᠷᠭᠤᠭ᠋ᠠᠨ ᠲᠣᠭᠤᠷᠢᠭ᠂ ᠭᠠᠳᠠᠷ ᠲᠠᠯ᠎ᠠ᠎ᠳᠤ ᠭᠤᠷᠪᠠᠨ ᠪᠦᠭᠡᠮᠨᠡᠷᠡᠯ᠂ ᠭᠣᠣᠯ ᠳᠠᠭ᠋ᠠᠤ ᠤᠯᠠᠨ ᠲᠥᠪ》᠎ᠲᠠᠢ ᠪᠠᠢ᠌ᠬᠤ ᠬᠣᠳᠠ ᠵᠢᠨ ᠣᠷᠣᠨ ᠵᠠᠶ ᠵᠢᠨ ᠪᠦᠲᠦᠴᠡ ᠵᠢ ᠪᠦᠷᠢᠯᠳᠦᠭᠦᠯᠦᠭᠰᠡᠨ ᠪᠦᠭᠡᠳ ᠪᠠᠰᠠ ᠭᠣᠣᠯ ᠬᠤᠳᠠ ᠵᠢᠨ ᠲᠣᠭᠣᠷᠢᠭ᠎ᠤᠨ ᠠᠭᠤᠯᠠ ᠤᠰᠤᠨ᠎ᠤ ᠡᠯᠧᠮᠧᠨ᠋ᠲ᠎ᠤᠨ ᠲᠠᠷᠬᠠᠯᠲᠠ ᠵᠢᠨ ᠣᠨᠴᠠᠯᠢᠭ᠎ᠲᠠᠢ ᠤᠶᠠᠯᠳᠤᠭᠤᠯᠵᠤ᠂ 《ᠨᠣᠭᠣᠭ᠋ᠠᠨ ᠵᠢᠭᠢᠷᠢᠭ + ᠬᠤᠩᠬᠢᠯ + ᠲᠣᠯᠪᠤᠵᠠᠭᠤᠯᠤᠨ》 ᠠᠮᠢ ᠠᠬᠤᠢ᠌ᠵᠢᠭᠰᠠᠨ ᠵᠦᠯᠭᠡᠲᠦ ᠭᠠᠵᠠᠷ᠎ᠤᠨ ᠰᠢᠰᠲ᠋ᠧᠮ᠎ᠤᠨ ᠪᠠᠶ᠋ᠢᠷᠢᠰᠢᠯ ᠪᠠ ᠠᠭᠤᠯᠠ ᠤᠰᠤ᠎ᠲᠠᠢ ᠬᠣᠲᠠ ᠵᠢᠨ ᠦᠪᠡᠷᠮᠢᠴᠡ ᠣᠨᠴᠠᠯᠢᠭ ᠵᠶ᠋ᠠᠷ ᠳᠣᠪᠤᠢ᠌ᠮ᠎ᠠ ᠦᠵᠡᠮᠵᠢᠲᠦ ᠰᠢᠰᠲ᠋ᠧᠮ᠎ᠢ ᠲᠥᠯᠦᠪᠵᠢᠭᠦᠯᠦᠨ ᠪᠦᠷᠢᠯᠳᠦᠭᠦᠯᠵᠦ᠂ ᠬᠤᠲᠠ ᠵᠢᠨ ᠠᠷᠠᠳ ᠲᠦᠮᠡᠨ᠎ᠳᠤ ᠤᠷᠤᠰᠢᠨ ᠰᠠᠭᠤᠵᠤ ᠠᠵᠢᠯ ᠦᠢ᠍ᠯᠡᠰ ᠡᠷᠬᠢᠯᠡᠬᠦ᠎ᠳᠤ ᠲᠣᠬᠢᠷᠠᠮᠵᠢᠲᠠᠢ ᠦᠢ᠍ᠯᠡᠳᠪᠦᠷᠢᠯᠡᠯ ᠠᠮᠢᠳᠤᠷᠠᠯ᠎ᠤᠨ ᠣᠷᠴᠢᠨ ᠨᠥᠬᠥᠴᠡᠯ᠎ᠢ ᠪᠤᠢ ᠪᠣᠯᠭ᠋ᠠᠨ᠎ᠠ᠃
ᠬᠥᠲᠥᠯᠥᠭᠴᠢ᠄
ᠤᠳᠤ 《ᠣᠷᠣᠰᠢᠨ ᠰᠠᠭᠤᠬᠤ᠎ᠳᠤ ᠲᠣᠬᠢᠷᠠᠮᠵᠢᠲᠠᠶ ᠬᠤᠳᠠ》 ᠭᠡᠰᠡᠨ ᠦᠭᠡ ᠨᠡᠯᠢᠶᠡᠳ ᠰᠥᠷᠬᠡᠢ ᠳᠡᠯᠭᠡᠷᠡᠵᠦ ᠪᠠᠢ᠌ᠨ᠎ᠠ᠂ ᠮᠠᠨ᠎ᠤ ᠤᠢ᠌ᠯᠭ᠋ᠠᠭᠰᠠᠨ ᠵᠶ᠋ᠠᠷ᠂ ᠤᠯᠠᠭ᠋ᠠᠨᠬᠠᠳᠠ ᠪᠣᠯ ᠳᠠᠷᠤᠶ ᠣᠷᠣᠰᠢᠨ ᠰᠠᠭᠤᠬᠤ᠎ᠳᠤ ᠲᠣᠬᠢᠷᠠᠮᠵᠢᠲᠠᠶ ᠬᠤᠳᠠ ᠮᠦᠨ᠂ ᠤᠯᠠᠭ᠋ᠠᠨᠬᠠᠳᠠ᠎ᠳᠤ ᠠᠮᠢᠳᠤᠷᠠᠪᠠᠯ᠂ ᠣᠭᠲᠠᠷᠭᠤᠢ᠎ᠨᠢ ᠴᠡᠩᠬᠡᠷ᠂ ᠲᠠᠯ᠎ᠠ᠎ᠨᠢ ᠨᠣᠭᠣᠭ᠋ᠠᠨ᠂ ᠤᠰᠤ᠎ᠨᠢ ᠲᠤᠩᠭ᠋ᠠᠯᠠᠭ᠂ ᠠᠮᠢᠳᠤᠷᠠᠯ᠎ᠤᠨ ᠳᠠᠷᠤᠯᠲᠠ ᠪᠠᠭ᠎ᠠ ᠭᠡᠨ᠎ᠡ᠃ ᠬᠡᠯᠡᠯᠭᠡᠨ ᠦᠭᠡᠢ ᠡᠨᠡ᠎ᠨᠢ ᠵᠥᠪᠬᠡᠨ ᠨᠢᠭᠡ ᠬᠡᠰᠡᠭ ᠬᠥᠮᠦᠰ᠎ᠤᠨ ᠬᠤᠪᠢ ᠬᠥᠮᠦᠨ᠎ᠤ ᠲᠥᠷᠥᠭᠳᠡᠯ ᠪᠣᠯᠤᠨ᠎ᠠ᠂ ᠬᠡᠷᠪᠡ ᠬᠤᠳᠠ ᠬᠥᠳᠡᠭᠡ ᠵᠢᠨ ᠲᠥᠯᠥᠪᠵᠢᠭᠦᠯᠭᠡ ᠵᠢᠨ ᠡᠭᠦᠳᠡᠨ᠎ᠠᠴᠠ ᠠᠪᠴᠤ ᠦᠵᠡᠪᠡᠯ᠂ ᠲᠠᠨ᠎ᠤ ᠦᠵᠡᠬᠦ᠎ᠪᠠᠷ ᠶᠠᠮᠠᠷ ᠬᠡᠮᠵᠢᠶᠡᠨ᠎ᠳᠤ ᠬᠦᠷᠪᠡᠯ 《ᠣᠷᠣᠰᠢᠨ ᠰᠠᠭᠤᠬᠤ᠎ᠳᠤ ᠲᠣᠬᠢᠷᠠᠮᠵᠢᠲᠠᠶ ᠬᠤᠳᠠ》 ᠪᠣᠯᠵᠤ ᠴᠢᠳᠠᠬᠤ ᠪᠤᠢ?
ᠵᠠᠩ ᠵᠢᠨ ᠳ᠋ᠦᠩ᠄
ᠬᠤᠳᠠ ᠵᠢᠨ ᠲᠤᠬᠠᠶ ᠲᠠᠨᠢᠯᠲᠠ ᠵᠢᠨ ᠭᠦᠨᠵᠡᠭᠡᠶ᠋ᠢᠷᠡᠬᠦ ᠵᠢ ᠳᠠᠭ᠋ᠠᠯᠳᠤᠨ᠂ ᠤᠯᠤᠰ᠎ᠠᠴᠠ ᠬᠣᠲᠠ ᠵᠢᠨ ᠪᠦᠲᠦᠭᠡᠨ ᠪᠠᠶ᠋ᠢᠭᠤᠯᠤᠯᠲᠠ ᠵᠢᠨ ᠠᠯᠢ ᠤᠯᠠᠨ ᠬᠠᠷᠠᠯᠲᠠ ᠵᠢ ᠳᠤᠷᠠᠳᠪᠠ᠃ ᠭᠡᠪᠡᠴᠦ ᠡᠴᠦᠰ᠎ᠤᠨ ᠵᠣᠭᠰᠤᠴᠠᠠᠴᠠᠨᠢ ᠬᠠᠷᠠᠪᠠᠯ᠂ ᠣᠷᠣᠰᠢᠨ ᠰᠠᠭᠤᠬᠤ᠎ᠳᠤ ᠲᠣᠬᠢᠷᠠᠮᠵᠢᠲᠠᠶ ᠪᠠᠢ᠌ᠬᠤ ᠬᠡᠷᠡᠭᠲᠡᠢ ᠭᠡᠵᠦ ᠪᠢ ᠦᠵᠡᠨ᠎ᠠ᠂ 《ᠠᠭᠤᠯᠠ ᠬᠠᠷᠠᠭᠳᠠᠨ᠂ ᠤᠰᠤ ᠦᠵᠡᠭᠳᠡᠵᠦ᠂ ᠨᠤᠲᠤᠭ ᠤᠰᠤ ᠬᠣᠨᠤᠭᠰᠢᠭᠰᠠᠨ》 ᠪᠠᠢ᠌ᠪᠠᠯ ᠳᠠᠷᠤᠢ ᠣᠷᠣᠰᠢᠨ ᠰᠠᠭᠤᠬᠤ᠎ᠳᠤ ᠲᠣᠬᠢᠷᠠᠮᠵᠢᠲᠠᠶ ᠬᠤᠳᠠ ᠪᠣᠯᠤᠨ᠎ᠠ᠃
ᠥᠭᠡᠷᠡᠴᠢᠯᠡᠯᠲᠡ ᠨᠡᠬᠡᠬᠡᠯᠲᠡ ᠵᠢᠨ 30 ᠵᠢᠯ᠎ᠤᠨ ᠲᠤᠷᠰᠢ᠂ ᠤᠯᠠᠭ᠋ᠠᠨᠬᠠᠳᠠ ᠬᠣᠲᠠ ᠮᠠᠰᠢ ᠲᠦᠷᠭᠡᠨ ᠬᠦᠭᠵᠢᠵᠡᠢ᠂ ᠵᠡᠭᠦᠨ ᠪᠠᠷᠠᠭᠤᠨ ᠭᠣᠣᠯ᠎ᠤᠨ ᠬᠣᠭᠤᠷᠤᠨᠳᠤᠬᠢ ᠨᠢᠭᠡᠨ ᠵᠢᠵᠢᠭᠬᠡᠨ ᠬᠣᠲᠠ ᠪᠠᠢ᠌ᠭᠰᠠᠨ᠎ᠠᠴᠠ ᠶᠡᠷᠦᠩᠬᠡᠶ ᠲᠥᠯᠥᠪᠵᠢᠭᠦᠯᠭᠡ᠎ᠪᠠᠨ ᠬᠡᠳᠦᠨᠲᠡ ᠵᠠᠰᠠᠪᠤᠷᠢ ᠣᠷᠤᠭᠤᠯᠵᠦ᠂ ᠬᠤᠳᠠ ᠵᠢᠨ ᠬᠡᠳᠦ ᠤᠳᠠᠭ᠎ᠠ ᠵᠢᠨ ᠳᠠᠪᠠᠯᠲᠠ ᠵᠢ ᠪᠡᠶᠡᠯᠡᠭᠦᠯᠬᠦ᠎ᠪᠠᠷ ᠳᠠᠮᠵᠢᠭ᠋ᠠᠳ᠂ ᠢᠯᠠᠩᠭᠤᠶ᠎ᠠ 2002 ᠣᠨ ᠪᠠ 2012 ᠣᠨ᠎ᠤ ᠬᠣᠶᠠᠷ ᠰᠢᠨᠡᠳᠬᠡᠯᠲᠡ ᠵᠢ ᠦᠩᠭᠡᠷᠡᠭᠡᠭᠡᠳ᠂ ᠬᠤᠳᠠ᠎ᠨᠢ ᠯᠤᠲᠤ ᠶᠡᠬᠡ ᠬᠤᠪᠢᠷᠠᠯᠲᠠ ᠭᠠᠷᠤᠭᠰᠠᠨ ᠪᠠᠶ᠋ᠢᠨ᠎ᠠ᠃ ᠭᠡᠪᠡᠴᠦ ᠬᠤᠳᠠ ᠵᠢᠨ ᠲᠦᠷᠭᠡᠨ ᠬᠥᠭᠵᠢᠯᠲᠡ᠎ᠨᠢ ᠪᠠᠰᠠ ᠮᠠᠰᠢ ᠤᠯᠠᠨ ᠰᠦᠷᠬᠡᠤ ᠨᠥᠯᠥᠭᠡ ᠠᠪᠴᠢᠷᠠᠪᠠ᠂ ᠵᠢᠱ᠌ᠢᠶᠡᠯᠡᠪᠡᠯ ᠬᠤᠳᠠ᠎ᠪᠠᠷ ᠤᠷᠤᠰᠬᠤ ᠭᠣᠣᠯ᠎ᠤᠨ ᠤᠷᠤᠰᠬᠠᠯ ᠲᠠᠰᠤᠷᠠᠵᠤ᠂ ᠬᠠᠭᠤᠴᠢᠨ ᠬᠣᠲᠠ ᠵᠢᠨ ᠲᠣᠭᠣᠷᠢᠭ᠎ᠨᠢ ᠤᠯᠠᠮ᠎ᠠᠴᠠ ᠤᠯᠠᠮ ᠰᠢᠬᠠᠭᠤ ᠪᠣᠯᠵᠤ᠂ ᠨᠣᠭᠣᠭ᠋ᠠᠨ ᠭᠠᠵᠠᠷ ᠬᠠᠷᠢᠴᠠᠩᠭᠤᠶ᠎ᠪᠠᠷ ᠴᠥᠬᠡᠷᠡᠨ᠂ ᠰᠠᠭᠤᠭ᠋ᠠᠯᠢ ᠠᠷᠠᠳ᠎ᠤᠨ ᠠᠵᠢᠯᠯᠠᠭ᠋ᠠᠨ᠎ᠤ ᠣᠷᠣᠨ ᠵᠠᠶ ᠢᠯᠡᠳᠲᠡ ᠬᠦᠷᠦᠯᠴᠡᠬᠦ ᠦᠭᠡᠢ᠂ ᠵᠠᠮ ᠬᠠᠷᠢᠯᠴᠠᠭ᠎ᠠ ᠴᠦ᠍ ᠲᠦᠭᠵᠢᠷᠡᠬᠦ ᠪᠣᠯᠪᠠ᠂ ᠡᠳᠡᠭᠡᠷ᠎ᠨᠢ ᠴᠥᠮ ᠮᠠᠨ᠎ᠤ ᠬᠦᠰᠡᠯ᠎ᠲᠠᠢ ᠡᠰᠡᠷᠭᠦ ᠲᠡᠰᠡᠷᠭᠦ ᠶᠤᠮ᠃ ᠣᠳᠣᠬᠠᠨ᠎ᠳᠤ᠂ ᠤᠯᠤᠰ᠎ᠤᠨ ᠠᠵᠤ ᠠᠬᠤᠶ ᠵᠢᠨ ᠨᠡᠮᠡᠭᠳᠡᠯ᠎ᠤᠨ ᠬᠤᠷᠳᠤᠴᠠ ᠤᠯᠠᠮ ᠬᠤᠷᠳᠤᠨ ᠪᠣᠯᠤᠭᠰᠠᠨ ᠪᠣᠯᠬᠤᠷ᠂ ᠪᠢᠳᠡ ᠪᠠᠰᠠ ᠠᠵᠠ ᠲᠣᠬᠢᠶᠠᠯ᠎ᠢ ᠠᠳᠬᠤᠨ ᠵᠣᠬᠢᠴᠠᠩᠭᠤᠶ ᠲᠤᠬᠢᠷᠠᠭᠤᠯᠤᠯᠲᠠ ᠬᠢᠬᠦ ᠬᠡᠷᠡᠭᠲᠡᠶ ᠶᠤᠮ᠃
ᠣᠷᠣᠰᠢᠨ ᠰᠠᠭᠤᠬᠤ᠎ᠳᠤ ᠲᠣᠬᠢᠷᠠᠮᠵᠢᠲᠠᠶ ᠬᠤᠳᠠ ᠭᠡᠳᠡᠭ᠎ᠢ ᠲᠦᠬᠥᠮ ᠵᠶ᠋ᠠᠷ ᠬᠡᠯᠡᠪᠡᠯ ᠬᠣᠶᠠᠷ ᠲᠠᠯ᠎ᠠ ᠪᠠᠭᠲᠠᠨ᠎ᠠ᠂ 《ᠠᠵᠢᠯᠯᠠᠬᠤ᠎ᠳᠤ ᠲᠣᠬᠢᠷᠠᠮᠵᠢᠲᠠᠶ᠂ ᠰᠠᠭᠤᠬᠤ᠎ᠳᠤ ᠲᠣᠬᠢᠷᠠᠮᠵᠢᠲᠠᠶ》 ᠪᠠᠢ᠌ᠬᠤ ᠪᠣᠯᠤᠨ᠎ᠠ᠂ ᠠᠵᠢᠯᠯᠠᠬᠤ᠎ᠳᠤ ᠲᠣᠬᠢᠷᠠᠮᠵᠢᠲᠠᠶ ᠪᠠᠢ᠌ᠬᠤ ᠪᠣᠯ ᠬᠤᠳᠡ ᠵᠢᠨ ᠠᠵᠤ ᠠᠬᠤᠶ ᠵᠢᠨ ᠴᠢᠳᠠᠪᠤᠷᠢ ᠵᠢᠨ ᠢᠯᠡᠷᠡᠯ ᠪᠣᠯᠬᠣᠷ᠂ ᠠᠵᠢᠯ ᠣᠯᠭᠣᠯᠲᠠ᠎ᠨᠢ ᠬᠦᠷᠦᠯᠴᠡᠬᠦᠢ᠌ᠴᠡ᠂ ᠰᠠᠭᠤᠭ᠋ᠠᠯᠢ ᠠᠷᠠᠳ᠎ᠤᠨ ᠠᠵᠢᠯ ᠤᠯᠬᠤ ᠬᠡᠷᠡᠭᠴᠡᠭᠡ ᠵᠢ ᠬᠠᠩᠭ᠋ᠠᠵᠦ ᠳᠡᠢ᠌ᠯᠬᠦ ᠬᠡᠷᠡᠭᠲᠡᠢ᠃ ᠬᠣᠲᠠ ᠵᠢᠨ ᠣᠷᠣᠰᠢᠨ ᠰᠠᠭᠤᠬᠤ᠎ᠳᠤ ᠲᠣᠬᠢᠷᠠᠮᠵᠢᠲᠠᠶ ᠣᠷᠴᠢᠨ ᠨᠥᠬᠥᠴᠡᠯ᠎ᠢ ᠶᠡᠷᠦ᠎ᠳᠡᠭᠡᠨ ᠬᠠᠲᠠᠭᠤ ᠣᠷᠴᠢᠨ ᠲᠣᠭᠣᠷᠢᠨ ᠪᠠ ᠵᠥᠭᠡᠯᠡᠨ ᠣᠷᠴᠢᠨ ᠲᠣᠭᠤᠷᠢᠨ ᠭᠡᠵᠦ ᠬᠤᠪᠢᠶᠠᠨ᠎ᠠ᠂ ᠵᠥᠭᠡᠯᠡᠨ ᠣᠷᠴᠢᠨ ᠲᠣᠭᠤᠷᠢᠨ ᠪᠣᠯ ᠬᠤᠳᠠ ᠵᠢᠨ ᠬᠠᠮᠢᠶᠠᠷᠤᠯᠲᠠ ᠵᠢᠨ ᠠᠵᠢᠯᠯᠠᠭ᠋ᠠᠨ᠎ᠤ ᠲᠠᠯ᠎ᠠ᠎ᠪᠠᠷ᠎ᠬᠢ ᠬᠡᠯᠡᠨ᠎ᠡ᠂ ᠬᠠᠲᠠᠭᠤ ᠣᠷᠴᠢᠨ ᠲᠣᠭᠤᠷᠢᠨ᠎ᠢ ᠪᠠᠰᠠ ᠵᠣᠬᠢᠶᠠᠮᠠᠯ ᠣᠷᠴᠢᠨ ᠲᠣᠭᠤᠷᠢᠨ ᠪᠠ ᠪᠠᠶ᠋ᠢᠭ᠋ᠠᠯᠢ ᠵᠢᠨ ᠣᠷᠴᠢᠨ ᠲᠣᠭᠣᠷᠢᠨ ᠭᠡᠵᠦ ᠬᠣᠶᠠᠷ ᠬᠤᠪᠢᠶᠠᠵᠤ᠂ ᠪᠠᠶ᠋ᠢᠭ᠋ᠠᠯᠢ ᠵᠢᠨ ᠣᠷᠴᠢᠨ ᠲᠣᠭᠣᠷᠢᠨ᠎ᠨᠢ ᠮᠠᠰᠢ ᠤᠢ᠌ᠯᠭ᠋ᠠᠮᠵᠢᠲᠠᠢ ᠪᠠᠢ᠌ᠳᠠᠭ᠂ ᠳᠠᠷᠤᠶ ᠬᠤᠳᠠ ᠵᠢᠨ ᠪᠠᠶ᠋ᠢᠭ᠋ᠠᠯᠢ ᠵᠢᠨ ᠠᠭᠤᠯᠠ ᠤᠰᠤᠨ᠎ᠤ ᠣᠨᠴᠠᠯᠢᠭ ᠪᠣᠯᠤᠨ᠎ᠠ᠃ ᠵᠣᠬᠢᠶᠠᠮᠠᠯ ᠣᠷᠴᠢᠨ ᠲᠣᠭᠤᠢ᠌ᠨᠨᠢ ᠶᠡᠷᠦᠩᠬᠡᠶ᠎ᠳᠡᠭᠡᠨ ᠬᠥᠮᠦᠨ᠎ᠳᠤ ᠲᠣᠬᠢᠷᠠᠭᠤᠯᠤᠭᠰᠠᠨ ᠡᠯ᠎ᠡ ᠵᠦᠢ᠍ᠯ᠎ᠤᠨ ᠬᠤᠳᠠ ᠵᠢᠨ ᠶᠠᠪᠤᠳᠠᠯ᠎ᠤᠨ ᠪᠡᠯᠡᠳᠬᠡᠮᠵᠢ᠂ ᠨᠡᠶ᠋ᠢᠲᠡ ᠵᠢᠨ ᠠᠰᠠᠷᠠᠮᠵᠢ ᠵᠢᠨ ᠪᠡᠯᠡᠳᠬᠡᠮᠵᠢ ᠵᠢ ᠵᠢᠭ᠋ᠠᠵᠤ᠂ ᠵᠠᠰᠠᠭ᠎ᠤᠨ ᠣᠷᠳᠣᠨ᠎ᠤ ᠲᠥᠯᠥᠪᠵᠢᠭᠦᠯᠵᠦ ᠪᠥᠳᠥᠭᠡᠨ ᠪᠠᠶ᠋ᠢᠭᠤᠯᠬᠤ ᠴᠢᠳᠠᠪᠤᠷᠢ ᠵᠢ ᠢᠯᠡᠷᠡᠭᠦᠯᠦᠨ᠎ᠡ᠃ ᠠᠵᠢᠯᠯᠠᠬᠤ᠎ᠳᠤ ᠲᠣᠬᠢᠷᠠᠮᠵᠢᠲᠠᠶ ᠪᠠᠢ᠌ᠬᠤ ᠭᠡᠳᠡᠭ ᠪᠣᠯ᠂ ᠮᠠᠨ᠎ᠤ ᠲᠦᠯᠦᠪᠵᠢᠭᠦᠯᠭᠡ᠎ᠳᠤ ᠳᠤᠷᠠᠳᠤᠭᠰᠠᠨ ᠠᠵᠤ ᠦᠢ᠍ᠯᠡᠰ ᠪᠠ ᠬᠣᠲᠠ ᠵᠢ ᠠᠭᠤᠰᠤᠯᠴᠠᠭᠤᠯᠤᠨ ᠬᠦᠭᠵᠢᠭᠦᠯᠬᠦ ᠣᠨᠤᠯᠵᠢᠬᠤᠨ ᠪᠣᠯᠤᠨ᠎ᠠ᠃ ᠣᠳᠣᠬᠢ ᠬᠤᠳᠠ ᠵᠢᠨ ᠠᠵᠤ ᠦᠢ᠍ᠯᠡᠰ᠎ᠤᠨ ᠣᠷᠣᠨ ᠵᠠᠶ ᠵᠢᠨ ᠪᠠᠢ᠌ᠷᠢᠰᠢᠯ᠎ᠢ ᠵᠡᠭᠦᠨ ᠪᠡᠶ᠎ᠡ ᠵᠢᠨ ᠣᠨᠴᠠᠯᠢᠭ᠎ᠲᠠᠢ ᠤᠶᠠᠯᠳᠤᠭᠤᠯᠤᠨ᠂ ᠬᠤᠳᠠ ᠵᠢᠨ ᠪᠠᠷᠠᠭᠤᠨ ᠪᠡᠶ᠎ᠡ ᠵᠢᠨ ᠠᠵᠤ ᠦᠢ᠍ᠯᠡᠰ᠎ᠤᠨ ᠲᠤᠯᠭ᠋ᠠᠭᠤᠷᠯᠠᠯᠢ ᠲᠦᠯᠦᠪᠵᠢᠭᠦᠯᠦᠨ ᠴᠢᠩᠭ᠋ᠠᠳᠬᠠᠨ᠎ᠠ᠃ ᠲᠥᠯᠥᠪᠵᠢᠭᠦᠯᠭᠡ᠎ᠨᠢ ᠤᠯᠠᠭ᠋ᠠᠨᠬᠠᠳᠠ ᠵᠢᠨ ᠠᠵᠤ ᠠᠬᠤᠶ ᠵᠢᠨ ᠨᠡᠭᠡᠭᠡᠯᠳᠡ ᠵᠢᠨ ᠲᠣᠭᠣᠷᠢᠭ᠂ ᠰᠦᠩ ᠱᠠᠨ ᠮᠡᠳᠡᠭᠡ ᠵᠠᠩᠭᠢ ᠵᠢᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠠᠵᠤ ᠦᠢ᠍ᠯᠡᠰ᠎ᠤᠨ ᠬᠦᠷᠢᠶᠡᠯᠡᠩ᠂ ᠴᠧᠨ ᠶᠢᠩᠽᠢ ᠵᠢᠨ ᠰᠣᠶᠣᠯ ᠪᠠ ᠬᠤᠳᠠ ᠵᠢᠨ ᠪᠣᠯᠪᠠᠰᠤᠷᠠᠭᠤᠯᠬᠤ ᠠᠵᠤ ᠦᠢ᠍ᠯᠡᠰ᠎ᠤᠨ ᠬᠦᠷᠢᠶᠡᠯᠡᠩ᠂ ᠣᠷᠣᠨ ᠪᠦᠰᠡ ᠵᠢᠨ ᠴᠢᠨᠠᠷᠲᠠᠶ ᠠᠷᠠᠯᠵᠢᠶ᠎ᠠ ᠬᠤᠳᠠᠯᠳᠤᠭ᠋ᠠᠨ᠎ᠤ ᠪᠥᠭᠡᠮ ᠵᠶ᠋ᠠᠷ ᠬᠤᠳᠠᠯᠳᠤᠬᠤ ᠵᠠᠬ᠎ᠠ ᠳᠡᠯᠭᠡᠭᠦᠷ᠂ ᠬᠤᠳᠠᠯᠳᠤᠭ᠋ᠠᠨ᠎ᠤ ᠶᠠᠪᠤᠳᠠᠯ᠎ᠤᠨ ᠠᠯᠪᠠᠨ ᠲᠣᠭᠤᠷᠢᠭ᠂ ᠬᠣᠢ᠌ᠲᠤ ᠪᠡᠶ᠎ᠡ ᠵᠢᠨ ᠡᠳ᠋ ᠪᠠᠷᠠᠭ᠋ᠠᠨ᠎ᠤ ᠭᠦᠢ᠍ᠯᠭᠡᠭᠡᠨ᠎ᠤ ᠬᠤᠲᠠ ᠵᠢ ᠪᠦᠲᠦᠭᠡᠨ ᠪᠠᠢ᠌ᠭᠤᠯᠬᠤ᠎ᠪᠠᠷ ᠳᠠᠮᠵᠢᠨ᠂ ᠠᠵᠤ ᠦᠢ᠍ᠯᠡᠰ ᠪᠠ ᠬᠣᠲᠠ ᠵᠢᠨ ᠠᠭᠤᠰᠤᠯᠴᠢᠨ ᠬᠥᠭᠵᠢᠬᠦ ᠵᠢ ᠠᠬᠢᠭᠤᠯᠵᠤ᠂ ᠬᠤᠳᠠ ᠵᠢᠨ ᠬᠦᠮᠦᠰ᠎ᠲᠤ ᠬᠦᠷᠦᠯᠴᠡᠬᠦᠢ᠌ᠴᠡ ᠠᠵᠢᠯ ᠣᠯᠭᠤᠯᠲᠠ ᠵᠢ ᠬᠠᠩᠭ᠋ᠠᠨ᠎ᠠ᠃ ᠣᠷᠣᠰᠢᠨ ᠰᠠᠭᠤᠬᠤ᠎ᠳᠤ ᠲᠣᠬᠢᠷᠠᠮᠵᠢᠲᠠᠶ ᠣᠷᠴᠢᠨ ᠲᠣᠭᠣᠷᠢᠨ᠎ᠤ ᠲᠤᠬᠠᠶ ᠭᠡᠪᠡᠯ᠂ ᠲᠥᠯᠥᠪᠵᠢᠭᠦᠯᠭᠡ ᠵᠢᠨ ᠡᠭᠦᠰᠦᠯᠲᠡ᠎ᠨᠢ ᠳᠠᠷᠤᠢ ᠬᠤᠳᠠ ᠵᠢᠨ 《ᠭᠤᠷᠪᠠᠨ ᠠᠭᠤᠯᠠ᠂ ᠲᠠᠪᠤᠨ ᠭᠣᠣᠯ》᠎ᠤᠨ ᠪᠠᠶ᠋ᠢᠭ᠋ᠠᠯᠢ ᠵᠢᠨ ᠪᠠᠶ᠋ᠢᠷᠢᠰᠢᠯ᠎ᠢ ᠶᠠᠭᠤᠨ᠎ᠤ ᠡᠮᠦᠨ᠎ᠡ ᠬᠠᠮᠠᠭ᠋ᠠᠯᠠᠬᠤ ᠪᠠ ᠤᠯᠠᠮᠵᠢᠯᠠᠬᠤ ᠪᠣᠯᠤᠨ᠎ᠠ᠃ 《ᠭᠤᠷᠪᠠᠨ ᠠᠭᠤᠯᠠ》 ᠪᠣᠯ ᠬᠤᠳᠠ ᠵᠢᠨ ᠨᠣᠭᠣᠭ᠋ᠠᠨ ᠵᠢᠭᠢᠷᠢᠭ᠂ ᠮᠦᠨᠴᠦ ᠬᠤᠳᠠ ᠵᠢᠨ ᠲᠡᠭᠦᠷᠬᠡ ᠵᠢᠨ ᠴᠡᠴᠡᠷᠯᠢᠭ ᠪᠣᠯᠬᠣᠷ᠂ ᠬᠤᠳᠠ ᠵᠢᠨ ᠠᠷᠠᠳ᠎ᠲᠤ ᠰᠠᠶ᠋ᠢᠨ ᠰᠠᠢ᠌ᠬᠠᠨ ᠵᠤᠭ᠋ᠠᠴᠠᠯ ᠰᠡᠯᠡᠭᠦᠴᠡᠯ᠎ᠤᠨ ᠭᠠᠵᠠᠷ ᠬᠠᠩᠭ᠋ᠠᠵᠤ ᠪᠣᠯᠤᠨ᠎ᠠ᠃ 《ᠲᠠᠪᠤᠨ ᠭᠣᠣᠯ》 ᠬᠣᠲᠠ ᠵᠢ ᠨᠡᠪᠲᠡᠯᠦᠨ ᠤᠷᠤᠰᠴᠤ᠂ ᠬᠤᠳᠠ ᠵᠢᠨ ᠴᠢᠬᠤᠯᠠ ᠴᠢᠳᠠᠪᠤᠷᠢᠲᠤ ᠣᠷᠣᠨ᠎ᠢ ᠵᠠᠯᠭ᠋ᠠᠭᠤᠯᠬᠤ ᠪᠣᠯᠬᠣᠷ᠂ ᠲᠥᠯᠥᠪᠵᠢᠭᠦᠯᠭᠡ᠎ᠨᠢ ᠬᠦᠪᠡᠭᠡ ᠳᠠᠭ᠋ᠠᠤ ᠨᠣᠭᠣᠭ᠋ᠠᠷᠠᠭᠤᠯᠤᠯᠲᠠ ᠵᠢ ᠴᠢᠩᠭ᠋ᠠᠳᠬᠠᠵᠤ᠂ ᠦᠷᠭᠦᠯᠵᠢᠯᠡᠭᠰᠡᠨ ᠴᠢᠨᠠᠷ ᠪᠦᠬᠦᠢ ᠬᠤᠳᠠ ᠵᠢᠨ ᠠᠮᠢ ᠠᠬᠤᠶ ᠵᠢᠨ ᠦᠵᠡᠮᠵᠢᠲᠦ ᠨᠣᠭᠣᠭ᠋ᠠᠨ ᠭᠤᠳᠤᠮᠵᠢ ᠵᠢ ᠪᠦᠷᠢᠯᠳᠦᠭᠦᠯᠦᠨ᠂ ᠬᠤᠲᠠ ᠳᠣᠲᠤᠷᠠᠬᠢ ᠬᠠᠮᠤᠭ᠎ᠤᠨ ᠴᠢᠬᠤᠯᠠ ᠰᠡᠯᠡᠭᠦᠴᠡᠯ᠂ ᠠᠵᠢᠯᠯᠠᠭ᠋ᠠᠨ᠎ᠤ ᠲᠠᠯᠠᠪᠤᠷ ᠪᠣᠯᠭ᠋ᠠᠨ᠎ᠠ᠃
ᠡᠳᠡᠭᠡᠷ ᠣᠷᠴᠢᠨ ᠲᠣᠭᠣᠷᠢᠨ᠎ᠤ ᠶᠡᠷᠦᠩᠬᠡᠶ᠋ᠢᠯᠡᠭᠰᠡᠨ ᠦᠷ᠎ᠡ ᠠᠰᠢᠭ᠎ᠤᠨ ᠰᠠᠢ᠍ᠢ᠍ᠨ ᠮᠠᠭᠤ᠎ᠨᠢ ᠬᠤᠳᠠ ᠵᠢᠨ ᠠᠷᠠᠳ᠎ᠤᠨ ᠠᠵᠢᠯ ᠰᠤᠷᠤᠯᠭ᠎ᠠ ᠠᠮᠢᠳᠤᠷᠠᠯ᠎ᠤᠨ ᠲᠠᠭ᠋ᠠᠯᠠᠮᠵᠢ ᠵᠢᠨ ᠬᠡᠮᠵᠢᠶ᠎ᠡ ᠳᠡᠭᠡᠷ᠎ᠡ ᠢᠯᠡᠷᠡᠵᠦ ᠪᠠᠢ᠌ᠳᠠᠭ᠃ ᠲᠥᠯᠥᠪᠵᠢᠭᠦᠯᠭᠡ᠎ᠳᠤ ᠡᠳᠡᠭᠡᠷ ᠭᠦᠢ᠍ᠴᠡᠳᠬᠡᠯ ᠲᠣᠭ᠎ᠠ ᠵᠢ ᠬᠡᠮᠵᠢᠶᠡᠯᠡᠵᠤ᠂ ᠪᠦᠷᠢᠨ ᠭᠦᠢ᠍ᠴᠡᠳ ᠴᠢᠨᠠᠷ ᠰᠠᠶ᠋ᠢᠲᠠᠶ ᠪᠠᠢ᠌ᠬᠤ ᠵᠢ ᠪᠡᠶᠡᠯᠡᠭᠦᠯᠬᠦ ᠪᠣᠯᠣᠨ᠎ᠠ᠃ ᠤᠯᠤᠰ᠎ᠠᠴᠠ ᠠᠯᠪᠠᠳᠠᠯᠭ᠎ᠠ ᠵᠢᠨ ᠴᠢᠨᠠᠷᠲᠠᠶ ᠮᠠᠰᠢ ᠤᠯᠠᠨ ᠠᠭᠤᠯᠭ᠎ᠠ ᠵᠢ ᠲᠣᠭᠲᠠᠭ᠋ᠠᠪᠠ᠂ ᠵᠢᠱ᠌ᠢᠶᠡᠯᠡᠪᠡᠯ ᠵᠠᠮ ᠬᠠᠷᠢᠯᠴᠠᠭ᠎ᠠ᠂ ᠬᠤᠳᠠ ᠵᠢᠨ ᠶᠠᠪᠤᠳᠠᠯ᠎ᠤᠨ ᠪᠡᠯᠡᠳᠬᠡᠮᠵᠢ᠂ ᠰᠣᠶᠣᠯ ᠴᠡᠩᠭᠡᠯ᠎ᠤᠨ ᠲᠥᠬᠥᠭᠡᠷᠦᠮᠵᠢ᠂ ᠴᠡᠴᠡᠷᠯᠢᠭ᠎ᠤᠨ ᠨᠣᠭᠣᠭ᠋ᠠᠷᠠᠭᠤᠯᠤᠯᠲᠠ ᠵᠡᠷᠭᠡ ᠠᠭᠤᠯᠭ᠎ᠠ᠎ᠨᠤᠭᠤᠳ ᠪᠣᠯ ᠴᠥᠮ ᠣᠷᠣᠰᠢᠨ ᠰᠠᠭᠤᠬᠤ᠎ᠳᠤ ᠲᠣᠬᠢᠷᠠᠮᠵᠢᠲᠠᠶ ᠬᠤᠳᠠ ᠵᠢ ᠴᠣᠭᠴᠠᠯᠠᠬᠤ ᠪᠠᠲᠤᠯᠠᠭ᠎ᠠ ᠪᠣᠯᠣᠨ᠎ᠠ᠃
ᠬᠡᠯᠡᠯᠭᠡᠨ ᠦᠭᠡᠢ᠂ 《ᠣᠷᠣᠰᠢᠨ ᠰᠠᠭᠤᠬᠤ᠎ᠳᠤ ᠲᠣᠬᠢᠷᠠᠮᠵᠢᠲᠠᠶ ᠬᠣᠲᠠ》 ᠵᠢᠨ ᠱᠠᠭ᠋ᠠᠷᠳᠠᠯᠭ᠎ᠠ᠎ᠳᠤ ᠪᠠᠰᠠ ᠮᠠᠰᠢ ᠤᠯᠡᠠ ᠪᠤᠰᠤᠳ ᠭᠦᠨᠵᠡᠭᠡᠶ ᠠᠭᠤᠯᠭ᠎ᠠ᠎ᠨᠤᠭᠤᠳ ᠱᠠᠭ᠋ᠠᠷᠳᠠᠭᠳᠠᠨ᠎ᠠ᠂ ᠵᠢᠱ᠌ᠢᠶᠡᠯᠡᠪᠡᠯ ᠬᠣᠳᠠ ᠵᠢᠨ ᠰᠣᠶᠣᠯ᠎ᠢ ᠠᠭᠤᠳᠠᠯᠠᠬᠤ᠂ ᠪᠠᠶ᠋ᠢᠭ᠋ᠠᠯᠢ ᠵᠢᠨ ᠠᠭᠤᠯᠠ ᠤᠰᠤᠨ᠎ᠤ ᠪᠦᠲᠦᠴᠡ ᠮᠠᠶᠢᠭ᠎ᠢ ᠬᠠᠮᠠᠭ᠋ᠠᠯᠠᠵᠤ ᠨᠡᠭᠡᠭᠡᠨ ᠠᠰᠢᠭᠯᠠᠬᠤ᠂ ᠬᠣᠲᠠ ᠵᠢᠨ ᠡᠷᠲᠡᠨ᠎ᠤ ᠪᠠᠷᠢᠯᠭ᠎ᠠ ᠵᠢ ᠬᠠᠮᠠᠭ᠋ᠠᠯᠠᠬᠤ ᠭᠡᠬᠦ ᠮᠡᠲᠦ᠃
ᠬᠥᠲᠥᠯᠥᠭᠴᠢ᠄
ᠤᠯᠠᠭ᠋ᠠᠨᠬᠠᠳᠠ ᠬᠤᠳᠠ ᠠᠮᠢ ᠠᠬᠤᠶ ᠵᠢᠨ ᠣᠷᠴᠢᠨ ᠲᠣᠭᠣᠷᠢᠨ᠎ᠢ ᠰᠠᠶ᠋ᠢᠵᠢᠷᠠᠭᠤᠯᠬᠤ ᠵᠢᠨ ᠲᠥᠯᠥᠭᠡ ᠮᠠᠰᠢ ᠤᠯᠠᠨ ᠠᠵᠢᠯ ᠬᠢᠪᠡ᠂ ᠤᠯᠠᠭ᠋ᠠᠨᠬᠠᠳᠠ ᠬᠣᠲᠠ ᠵᠢᠨ ᠠᠮᠢ ᠠᠬᠤᠶ ᠵᠢᠨ ᠣᠷᠴᠢᠨ ᠲᠣᠭᠣᠷᠢᠨ᠎ᠤ ᠪᠦᠳᠦᠭᠡᠨ ᠪᠠᠶ᠋ᠢᠭᠤᠯᠤᠯᠲᠠ᠎ᠳᠤ ᠶᠠᠮᠠᠷ ᠶᠠᠮᠠᠷ ᠠᠮᠵᠢᠯᠲᠠ ᠣᠯᠤᠭᠰᠠᠨ᠎ᠢ ᠳᠥᠭᠥᠮᠬᠡᠨ ᠲᠠᠨᠢᠯᠴᠠᠭᠤᠯᠤᠭ᠋ᠠᠳ ᠥᠭᠭᠦᠨ᠎ᠡ ᠦᠦ?
ᠵᠠᠩ ᠵᠢᠨ ᠳ᠋ᠦᠩ᠄
ᠤᠯᠠᠭ᠋ᠠᠨᠬᠠᠳᠠ ᠬᠣᠲᠠ ᠠᠮᠢ ᠠᠬᠤᠶ ᠵᠢᠨ ᠣᠷᠴᠢᠨ ᠲᠣᠭᠣᠷᠢᠨ᠎ᠢ ᠰᠠᠶ᠋ᠢᠵᠢᠷᠠᠭᠤᠯᠬᠤ ᠵᠢᠨ ᠲᠥᠯᠥᠭᠡ ᠶᠡᠷᠦ᠎ᠠᠴᠠ ᠴᠥᠬᠥᠷᠡᠰᠢ ᠦᠭᠡᠢ ᠴᠢᠷᠮᠠᠢ᠌ᠭᠰᠠᠭ᠋ᠠᠷ ᠢᠷᠡᠪᠡ᠃ 1978 ᠣᠨ᠎ᠳᠤ᠂ ᠤᠯᠠᠭ᠋ᠠᠨᠬᠠᠳᠠ ᠬᠣᠲᠠ 《ᠭᠤᠷᠪᠠᠨ ᠤᠮᠠᠷᠠᠲᠤ》 ᠵᠢᠨ ᠬᠠᠯᠬᠠᠪᠴᠢ ᠤᠢ ᠵᠢᠨ ᠢᠨᠵᠧᠨᠧᠷᠢᠩ᠎ᠢ ᠡᠬᠢᠯᠡᠵᠦ ᠬᠡᠷᠡᠭᠵᠢᠭᠦᠯᠪᠡ᠂ ᠭᠤᠴᠢᠨ ᠵᠢᠯ᠎ᠤᠨ ᠲᠠᠰᠤᠷᠠᠯᠲᠠ ᠦᠭᠡᠢ ᠴᠢᠷᠮᠠᠢ᠌ᠯᠭ᠎ᠠ᠎ᠪᠠᠷ ᠳᠠᠮᠵᠢᠨ᠂ ᠬᠠᠳᠠᠭ᠋ᠠᠯᠠᠭᠰᠠᠨ ᠣᠢ᠌ᠵᠢᠭᠤᠯᠤᠭᠰᠠᠨ ᠲᠠᠯᠠᠪᠠᠢ 3 ᠲᠠᠬᠢᠨ ᠢᠯᠡᠭᠦᠦ᠎ᠪᠠᠷ ᠨᠡᠮᠡᠭᠳᠡᠭᠰᠡᠨ᠂ ᠤᠯᠤᠰ᠎ᠤᠨ ᠣᠢ ᠰᠢᠭᠤᠶ᠋ᠢᠲᠤ ᠬᠤᠲᠠ ᠵᠢ ᠡᠭᠦᠳᠦᠨ ᠪᠠᠶ᠋ᠢᠭᠤᠯᠬᠤ᠎ᠳᠤ ᠰᠠᠢ᠍ᠢ᠍ᠨ ᠰᠠᠢ᠌ᠬᠠᠨ ᠰᠠᠭᠤᠷᠢ ᠲᠠᠯᠪᠢᠵᠤ ᠥᠭᠭᠦᠭᠰᠡᠨ ᠪᠠᠶ᠋ᠢᠨ᠎ᠠ᠃ 2013 ᠣᠨ᠎ᠳᠤ᠂ ᠪᠦᠬᠦ ᠤᠯᠤᠰ᠎ᠤᠨ ᠨᠣᠭᠣᠭ᠋ᠠᠷᠠᠭᠤᠯᠬᠤ ᠺᠣᠮᠢᠰ᠂ ᠤᠢ ᠰᠢᠭᠤᠶ ᠵᠢᠨ ᠲᠣᠪᠴᠢᠶ᠎ᠠ᠎ᠨᠢ ᠮᠠᠨ᠎ᠤ ᠬᠤᠳᠠ ᠵᠢ ᠤᠯᠤᠰ᠎ᠤᠨ ᠣᠢ ᠰᠢᠭᠤᠶ᠋ᠢᠲᠤ ᠬᠤᠲᠠ᠎ᠪᠠᠷ ᠦᠨᠡᠯᠡᠨ ᠲᠣᠭᠲᠠᠭ᠋ᠠᠪᠠ᠃ 2012 ᠣᠨ᠎ᠳᠤ ᠤᠯᠠᠭ᠋ᠠᠨᠬᠠᠳᠠ ᠬᠣᠲᠠ ᠵᠢᠨ ᠰᠢᠨ᠎ᠡ ᠬᠣᠲᠠ ᠲᠣᠭᠣᠷᠢᠭ᠎ᠤᠨ ᠠᠮᠢ ᠠᠬᠤᠶ ᠵᠢᠨ ᠬᠠᠮᠠᠭ᠋ᠠᠯᠠᠯᠲᠠ ᠬᠢᠭᠡᠳ ᠬᠤᠲᠠ ᠵᠢᠨ ᠨᠣᠭᠣᠭ᠋ᠠᠷᠠᠭᠤᠯᠤᠯᠲᠠ ᠵᠢᠨ ᠪᠦᠲᠦᠭᠡᠨ ᠪᠠᠶ᠋ᠢᠭᠤᠯᠤᠯᠲᠠ᠎ᠨᠢ ᠥᠪᠡᠷᠲᠡᠭᠡᠨ ᠵᠠᠰᠠᠬᠤ ᠣᠷᠣᠨ᠎ᠤ ᠬᠥᠮᠦᠨ ᠠᠷᠠᠳ᠎ᠤᠨ ᠣᠷᠣᠰᠢᠨ ᠰᠠᠭᠤᠬᠤ ᠣᠷᠴᠢᠨ ᠨᠥᠬᠥᠴᠡᠯ᠎ᠤᠨ ᠦᠯᠢᠭᠡᠷ ᠳᠠᠭᠤᠷᠢᠶᠠᠯ᠎ᠤᠨ ᠱᠠᠩᠨᠠᠯ ᠣᠯᠵᠠᠶ᠃
ᠬᠥᠲᠥᠯᠥᠭᠴᠢ᠄
ᠣᠳᠣᠬᠠᠨ᠎ᠳᠤ᠂ ᠤᠯᠠᠭ᠋ᠠᠨᠬᠠᠳᠠ ᠬᠣᠲᠠ ᠵᠢᠨ ᠠᠷᠠᠳ᠎ᠤᠳ ᠰᠢᠨ᠎ᠡ ᠬᠠᠭᠤᠴᠢᠨ ᠬᠣᠲᠠ ᠵᠢᠨ ᠲᠣᠭᠣᠷᠢᠭ᠎ᠤᠨ ᠵᠥᠷᠢᠶ᠎ᠡ ᠨᠡᠯᠢᠶᠡᠳ ᠶᠡᠬᠡ ᠪᠠᠶ᠋ᠢᠬᠤ ᠵᠢ ᠨᠡᠶ᠋ᠢᠳᠡᠮ ᠲᠤᠰᠬᠠᠵᠤ᠂ ᠰᠢᠨ᠎ᠡ ᠬᠣᠲᠠ ᠲᠣᠭᠣᠷᠢᠭ᠎ᠤᠨ ᠣᠷᠴᠢᠨ ᠲᠣᠭᠣᠷᠢᠨ᠎ᠨᠢ ᠭᠣᠶ᠋ᠢᠳᠠ ᠰᠠᠶ᠋ᠢᠬᠠᠨ᠂ ᠬᠠᠭᠤᠴᠢᠨ ᠬᠣᠲᠠ ᠲᠤᠭᠤᠷᠢᠭ᠎ᠤᠨ ᠣᠷᠴᠢᠨ ᠲᠣᠭᠣᠷᠢᠨ᠎ᠨᠢ ᠪᠤᠵᠠᠷ ᠪᠣᠬᠢᠷ ᠭᠡᠵᠦ ᠪᠠᠢ᠌ᠨ᠎ᠠ᠂ ᠨᠢᠭᠡᠨ ᠬᠤᠲᠠ ᠳᠣᠲᠣᠷ᠎ᠠ ᠬᠣᠭᠣᠷᠣᠨᠳᠤ᠎ᠪᠠᠨ ᠡᠶ᠋ᠢᠮᠦ ᠶᠡᠬᠡ ᠵᠥᠷᠢᠶ᠎ᠡ᠎ᠲᠠᠢ ᠪᠠᠢ᠌ᠭ᠎ᠠ ᠵᠢ ᠲᠠ ᠶᠠᠭ᠋ᠠᠬᠢᠵᠤ ᠦᠵᠡᠵᠦ ᠪᠠᠢ᠌ᠬᠤ ᠪᠤᠢ? ᠶᠠᠭ᠋ᠠᠬᠢᠵᠤ ᠰᠢᠢ᠍ᠳᠪᠦᠷᠢᠯᠡᠬᠦ ᠪᠤᠢ?
ᠵᠠᠩ ᠵᠢᠨ ᠳ᠋ᠦᠩ᠄
ᠡᠩ ᠲᠡᠷᠢᠭᠦᠨ᠎ᠳᠤ᠂ ᠡᠨᠡ ᠠᠰᠠᠭᠤᠳᠠᠯ ᠦᠨᠡᠬᠡᠷ ᠣᠷᠣᠰᠢᠵᠤ ᠪᠠᠢ᠌ᠬᠤ ᠵᠢ ᠵᠥᠪᠰᠢᠶᠡᠷᠡᠬᠦ ᠬᠡᠷᠡᠭᠲᠡᠢ᠂ ᠥᠩᠭᠡᠷᠡᠭᠰᠡᠨ᠎ᠳᠤ ᠴᠥᠮ ᠠᠯᠤᠰ᠎ᠢ ᠬᠠᠷᠠᠭᠰᠠᠭ᠋ᠠᠷ ᠢᠷᠡᠪᠡ᠂ ᠪᠢᠳᠡ ᠤᠳᠦ 《ᠡᠷᠭᠢᠵᠦ ᠬᠠᠷᠠᠬᠤ》 ᠴᠢᠬᠤᠯᠠᠲᠠᠢ᠂ ᠰᠢᠨ᠎ᠡ ᠲᠣᠭᠣᠷᠢᠭ᠎ᠢ ᠨᠡᠭᠡᠭᠡᠬᠦ ᠵᠢᠨ ᠬᠠᠮᠲᠤ᠂ ᠬᠠᠭᠤᠴᠢᠨ ᠬᠣᠲᠠ ᠲᠣᠭᠣᠷᠢᠭ᠎ᠤᠨ ᠥᠭᠡᠷᠡᠴᠢᠯᠡᠯᠲᠡ ᠵᠢ ᠴᠦ᠍ ᠲᠦᠷᠭᠡᠳᠬᠡᠵᠦ᠂ ᠮᠠᠨ᠎ᠤ ᠠᠷᠤ᠎ᠳᠠᠬᠢ ᠮᠠᠰᠢ ᠤᠯᠠᠨ 《ᠪᠤᠵᠠᠷ ᠮᠠᠭᠤᠬᠠᠢ》 ᠶᠠᠭᠤᠮ᠎ᠠ᠎ᠤᠳ ᠵᠶ᠋ᠠᠨ ᠣᠯᠵᠤ ᠦᠵᠡᠵᠦ᠂ ᠠᠳᠠᠯᠢᠬᠠᠨ ᠵᠶ᠋ᠠᠷ ᠴᠢᠬᠤᠯᠠᠴᠢᠯᠠᠨ ᠦᠵᠡᠵᠦ ᠵᠠᠰᠠᠬᠤ ᠬᠡᠷᠡᠭᠲᠡᠢ᠃
ᠬᠣᠶᠠᠳᠤᠭ᠋ᠠᠷ᠎ᠲᠤ᠂ ᠪᠢᠳᠡᠨ᠎ᠤ ᠮᠡᠳᠡᠭᠡᠵᠢ᠎ᠪᠠᠷ᠂ ᠬᠠᠭᠤᠴᠢᠨ ᠬᠣᠲᠠ ᠲᠤᠭᠤᠷᠢᠭ᠎ᠤᠨ ᠥᠭᠡᠷᠡᠴᠢᠯᠡᠯᠲᠡ᠎ᠨᠢ ᠨᠡᠡᠭ ᠬᠦᠴᠢᠷ᠂ ᠬᠡᠷᠡᠭᠰᠡᠬᠦ ᠪᠡᠯᠡ ᠮᠥᠩᠭᠥ᠎ᠨᠢ ᠴᠦ᠍ ᠨᠡᠩ ᠶᠡᠬᠡ᠂ ᠨᠣᠭᠣᠭ᠋ᠠᠷᠠᠭᠤᠯᠬᠤ᠂ ᠲᠡᠷᠭᠡᠨ ᠵᠣᠭᠰᠣᠭ᠋ᠠᠯ᠂ ᠠᠭᠤᠳᠠᠮ ᠲᠠᠯᠠᠪᠠᠢ᠂ ᠰᠣᠶᠣᠯ ᠴᠡᠩᠭᠡᠯ᠎ᠤᠨ ᠲᠥᠬᠥᠭᠡᠷᠦᠮᠵᠢᠨᠦᠭᠦᠳ ᠪᠦᠷ ᠬᠤᠲᠠ ᠵᠢᠨ ᠣᠷᠣᠨ ᠵᠠᠢ ᠵᠢ ᠡᠵᠡᠯᠡᠨ᠎ᠡ᠂ ᠭᠡᠲᠡᠯ᠎ᠡ ᠬᠠᠭᠤᠴᠢᠨ ᠲᠤᠭᠤᠷᠢᠭ᠎ᠨᠢ ᠰᠢᠬᠠᠭᠤ᠂ ᠠᠯᠢ ᠠᠯᠢᠨ᠎ᠢ᠎ᠨᠢ ᠴᠤ᠌ ᠬᠥᠳᠡᠯᠭᠡᠬᠦ᠎ᠳᠤ ᠪᠡᠷᠬᠡ ᠪᠣᠯᠬᠣᠷ᠂ ᠡᠯ᠎ᠡ ᠲᠠᠯ᠎ᠠ ᠵᠢᠨ ᠠᠰᠢᠭ ᠲᠤᠰᠠ ᠵᠢᠨ ᠬᠦᠰᠡᠯ ᠱᠠᠭ᠋ᠠᠷᠳᠠᠯᠭ᠎ᠠ ᠵᠢ ᠨᠢᠭᠡᠳᠦᠭᠦᠯᠬᠦ᠎ᠳᠤ ᠬᠦᠴᠢᠷᠲᠡᠶ ᠪᠠᠶ᠋ᠢᠵᠦ᠂ ᠬᠠᠭᠤᠴᠢᠨ ᠬᠣᠲᠠ ᠵᠢᠨ ᠲᠣᠭᠣᠷᠢᠭ᠎ᠢ ᠥᠭᠡᠷᠡᠴᠢᠯᠡᠬᠦ᠎ᠳᠤ ᠣᠯᠠᠨ ᠬᠦᠴᠢᠷ᠎ᠲᠠᠢ ᠪᠣᠯᠬᠣᠷ᠂ 《ᠭᠠᠵᠠᠷ ᠰᠢᠷᠣᠶ ᠵᠢᠨ ᠡᠳ᠋᠎ᠤᠨ ᠵᠠᠰᠠᠭ》᠎ᠤᠨ ᠡᠴᠦᠰᠯᠡᠬᠦ ᠵᠢ ᠳᠠᠭ᠋ᠠᠯᠳᠤᠨ ᠬᠠᠭᠤᠴᠢᠨ ᠬᠣᠲᠠ ᠵᠢᠨ ᠲᠣᠭᠣᠷᠢᠭ᠎ᠢ ᠥᠭᠡᠷᠡᠴᠢᠯᠡᠬᠦ ᠠᠵᠢᠯ ᠴᠦ᠍ ᠨᠡᠩ ᠢᠯᠡᠭᠦᠦ ᠬᠦᠴᠢᠷ᠎ᠲᠠᠢ ᠪᠣᠯᠪᠠ᠃ ᠭᠡᠪᠡᠴᠦ ᠡᠨᠡ ᠠᠵᠢᠯ᠎ᠢ ᠡᠷᠬᠡᠪᠰᠢ ᠬᠢᠬᠦ ᠬᠡᠷᠡᠭᠲᠡᠶ᠂ ᠤᠯᠡᠠ ᠲᠦᠮᠡᠨ᠎ᠤ ᠲᠤᠯᠭ᠋ᠠᠮ᠎ᠠ ᠶᠠᠪᠤᠳᠠᠯ᠎ᠢ ᠪᠡᠶᠡᠯᠡᠭᠦᠯᠬᠦ᠎ᠳᠤ᠂ 《ᠬᠡᠷᠬᠢᠨ ᠣᠯᠵᠤ ᠠᠯᠳᠠᠬᠤ ᠵᠢ ᠬᠥᠭᠡᠭᠡᠴᠡᠯᠳᠦᠵᠦ ᠪᠣᠯᠤᠮᠤᠶ》᠃
ᠭᠤᠷᠪᠠᠳᠤᠭ᠋ᠠᠷ᠎ᠲᠤ᠂ ᠤᠢ᠍ᠢ᠍ᠷ᠎ᠠ ᠵᠢᠨ ᠬᠡᠳᠦᠨ ᠵᠢᠯ᠎ᠳᠤ᠂ ᠪᠢᠳᠡ ᠪᠠᠰᠠ ᠡᠳᠦᠶ ᠲᠡᠳᠦᠶ ᠠᠷᠭ᠎ᠠ ᠪᠣᠳᠣᠵᠣ᠂ ᠡᠳᠦᠶ ᠲᠡᠳᠦᠶ ᠠᠵᠢᠯ ᠬᠢᠵᠡᠶ᠃ ᠵᠢᠱ᠌ᠢᠶᠡᠯᠡᠪᠡᠯ 《ᠬᠣᠲᠠ ᠵᠢ ᠤᠬᠤᠷᠢᠭᠤᠯᠤᠨ ᠭᠤᠷᠪᠠ ᠵᠢ ᠣᠷᠣᠭᠤᠯᠬᠤ》᠂ ᠠᠵᠤ ᠠᠬᠤᠶ᠋ᠢᠯᠠᠯ᠎ᠢ ᠬᠦᠷᠢᠶᠡᠯᠡᠩ᠎ᠳᠤ ᠣᠷᠣᠭᠤᠯᠬᠤ᠂ ᠬᠠᠭᠤᠴᠢᠨ ᠬᠣᠲᠠ ᠵᠢᠨ ᠲᠣᠭᠣᠷᠢᠭ ᠵᠣᠬᠢᠬᠤ ᠣᠷᠣᠨ ᠵᠠᠶ ᠭᠠᠷᠭ᠋ᠠᠨ ᠤᠯᠠᠨ ᠨᠡᠶ᠋ᠢᠲᠡ ᠵᠢᠨ ᠲᠥᠬᠥᠭᠡᠷᠦᠮᠵᠢ ᠲᠣᠬᠢᠷᠠᠭᠤᠯᠪᠠ; ᠬᠠᠭᠤᠴᠢᠨ ᠬᠣᠲᠠ ᠵᠢᠨ ᠲᠣᠭᠣᠷᠢᠭ᠎ᠤᠨ ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠬᠠᠭᠤᠴᠢᠨ ᠬᠣᠲᠠ ᠲᠣᠭᠣᠷᠢᠭ᠎ᠤᠨ ᠵᠠᠮ᠎ᠢ ᠶᠡᠷᠦᠩᠬᠡᠶ᠋ᠢᠯᠡᠨ ᠴᠡᠭᠴᠡᠯᠡᠨ ᠵᠠᠰᠠᠪᠠ; ᠦᠵᠡᠮᠵᠢ ᠵᠢᠨ ᠣᠷᠣᠨ᠎ᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠵᠠᠷᠢᠮ ᠬᠤᠳᠠ ᠵᠢᠨ ᠶᠠᠪᠤᠳᠠᠯ᠎ᠤᠨ ᠪᠡᠯᠡᠳᠬᠡᠮᠵᠢ ᠵᠢ ᠨᠥᠬᠥᠪᠥᠷᠢᠯᠡᠨ ᠲᠡᠭᠦᠯᠳᠡᠷᠵᠢᠭᠦᠯᠪᠠ᠃ ᠬᠠᠭᠤᠴᠢᠨ ᠬᠣᠲᠠ ᠲᠣᠭᠣᠷᠢᠭ ᠢᠯᠠᠩᠭᠤᠶ᠎ᠠ ᠲᠡᠦᠬᠡᠨ ᠦᠨ᠎ᠡ ᠴᠠᠨ᠎ᠠ᠎ᠲᠠᠢ ᠭᠠᠵᠠᠷ᠎ᠤᠳ᠎ᠢ ᠠᠭᠤᠳᠠᠯᠠᠨ ᠮᠠᠯᠲᠠᠵᠤ᠂ ᠬᠠᠮᠠᠭ᠋ᠠᠯᠠᠪᠠ᠃ ᠡᠳᠡᠭᠡᠷ ᠠᠵᠢᠯ᠎ᠤᠳ᠎ᠤᠨ ᠦᠷ᠎ᠡ ᠠᠰᠢᠭ᠎ᠨᠢ ᠤᠯᠠᠮ᠎ᠠᠴᠠ ᠮᠡᠳᠡᠭᠳᠡᠵᠦ ᠪᠠᠢ᠌ᠭ᠎ᠠ ᠪᠣᠯᠬᠣᠷ᠂ ᠬᠤᠳᠠ ᠵᠢᠨ ᠠᠷᠠᠳ᠎ᠤᠳ ᠪᠡᠶ᠎ᠡ᠎ᠪᠠᠷ ᠵᠶ᠋ᠠᠨ ᠰᠡᠷᠡᠵᠦ ᠮᠡᠳᠡᠬᠦ ᠶᠤᠮ᠃
ᠬᠥᠲᠥᠯᠥᠭᠴᠢ᠄
ᠬᠤᠳᠠ ᠵᠢᠨ ᠶᠡᠷᠦᠩᠬᠡᠶ ᠲᠥᠯᠥᠪᠵᠢᠭᠦᠯᠭᠡ ᠵᠢᠨ ᠬᠣᠯᠪᠣᠭᠳᠠᠯ ᠪᠦᠬᠦᠢ ᠠᠭᠤᠯᠭ᠎ᠠ ᠵᠢ ᠡᠶ᠋ᠢᠮᠦ ᠤᠯᠠᠨ ᠤᠢ᠌ᠯᠠᠭ᠋ᠠᠯᠠ᠂ ᠡᠩ᠎ᠤᠨ ᠬᠤᠳᠠ ᠵᠢᠨ ᠠᠷᠠᠳ ᠪᠣᠯᠣᠭᠰᠠᠨ ᠪᠢᠳᠡ ᠬᠤᠳᠠ ᠬᠥᠳᠡᠭᠡ ᠵᠢᠨ ᠲᠥᠯᠥᠪᠵᠢᠭᠦᠯᠭᠡ᠎ᠳᠤ ᠣᠷᠣᠯᠴᠠᠵᠤ ᠪᠣᠯᠣᠨ᠎ᠠ ᠦᠦ? ᠦᠭᠡᠢ ᠦᠦ? ᠤᠯᠠᠭ᠋ᠠᠨᠬᠠᠳᠠ ᠬᠣᠲᠠ ᠵᠢᠨ ᠬᠤᠳᠠ ᠬᠥᠳᠡᠭᠡ ᠵᠢᠨ ᠲᠥᠯᠥᠪᠵᠢᠭᠦᠯᠭᠡ ᠵᠢᠨ ᠬᠠᠮᠢᠶᠠᠷᠤᠯᠲᠠ ᠨᠡᠷᠡᠨ ᠭᠡᠷᠡᠯᠲᠦ ᠢᠯᠡ ᠲᠣᠳᠣ ᠪᠠᠢ᠌ᠬᠤ ᠵᠢ ᠬᠡᠷᠬᠢᠨ ᠪᠡᠶᠡᠯᠡᠭᠦᠯᠦᠭᠰᠡᠨ ᠭᠡᠳᠡᠭ ᠪᠣᠯ ᠤᠯᠡᠠ᠎ᠤ ᠨᠡᠯᠢᠶᠡᠳ ᠳᠤᠷ᠎ᠠ ᠪᠠᠬᠠᠲᠠᠢ ᠶᠠᠪᠤᠳᠠᠯ ᠪᠣᠯᠣᠨ᠎ᠠ᠃
ᠵᠠᠩ ᠵᠢᠨ ᠳ᠋ᠥᠩ᠄
ᠶᠠᠷᠢᠶᠠᠨ ᠦᠭᠡᠢ ᠪᠣᠯᠣᠨ᠎ᠠ᠃ ᠬᠣᠲᠠ ᠬᠥᠳᠡᠭᠡ ᠵᠢᠨ ᠲᠥᠯᠥᠪᠵᠢᠭᠦᠯᠭᠡ ᠵᠢᠨ ᠬᠠᠮᠢᠶᠠᠷᠤᠯᠲᠠ ᠵᠢ ᠬᠡᠷᠬᠢᠨ ᠨᠠᠷᠠᠨ ᠬᠡᠷᠡᠯᠲᠦ ᠢᠯᠡ ᠲᠣᠳᠣ ᠪᠠᠢ᠌ᠯᠭ᠋ᠠᠬᠤ ᠲᠣᠬᠠᠢ ᠪᠢᠳᠡ ᠠᠯᠢ ᠣᠯᠠᠨ ᠴᠢᠷᠮᠠᠢ᠌ᠯᠭ᠎ᠠ ᠭᠠᠷᠭ᠋ᠠᠭᠰᠠᠨ ᠪᠠᠢ᠌ᠨ᠎ᠠ᠃ ᠶᠠᠭᠤᠨ᠎ᠤ ᠡᠮᠦᠨ᠎ᠡ᠂ ᠬᠣᠲᠠ ᠵᠢᠨ ᠶᠡᠷᠤᠩᠭᠡᠢ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠲᠠᠯ᠎ᠠ᠎ᠪᠠᠷ᠂ ᠬᠣᠲᠠ ᠵᠢᠨ ᠰᠢᠨ᠎ᠡ ᠶᠡᠷᠤᠩᠭᠡᠢ ᠲᠥᠯᠥᠪᠵᠢᠭᠦᠯᠭᠡ᠎ᠨᠢ ᠲᠤᠰᠬᠠᠢ ᠮᠡᠷᠭᠡᠵᠢᠯᠲᠡᠨ᠂ ᠣᠯᠠᠨ ᠨᠡᠢ᠌ᠲᠡ᠂ ᠵᠠᠰᠠᠭ᠎ᠤᠨ ᠣᠷᠳᠣᠨ᠎ᠤ ᠰᠠᠯᠠᠭ᠎ᠠ ᠮᠦᠴᠢᠷ᠎ᠤᠨ᠎ᠬᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠳᠤ ᠥᠷᠭᠡᠨ ᠵᠶ᠋ᠠᠷ ᠣᠷᠣᠯᠴᠠᠬᠤ ᠵᠢ ᠴᠢᠨᠭ᠌ᠭ᠋ᠠᠳᠬᠠᠵᠤ᠂ ᠬᠣᠲᠠ ᠵᠢᠨ ᠭᠣᠣᠯ ᠠᠰᠠᠭᠤᠳᠠᠯ᠎ᠳᠤ ᠴᠢᠭᠯᠡᠭᠦᠯᠦᠨ ᠰᠣᠳᠣᠯᠭ᠋ᠠᠨ᠎ᠤ ᠲᠣᠰᠬᠠᠢ ᠰᠡᠳᠦᠪ᠎ᠢ ᠲᠣᠭᠲᠠᠭ᠋ᠠᠬᠤ ᠵᠢᠨ ᠬᠠᠮᠲᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠶᠠᠪᠤᠴᠠ ᠳᠤᠮᠳᠠ ᠣᠯᠠᠨ ᠨᠡᠢ᠌ᠲᠡ ᠵᠢᠨ ᠪᠠᠢ᠌ᠴᠠᠭ᠋ᠠᠯᠲᠠ ᠵᠢ ᠥᠷᠭᠡᠨ ᠳᠡᠯᠭᠡᠷ ᠬᠢᠵᠦ᠂ ᠣᠯᠠᠨ ᠲᠥᠮᠡᠨ᠎ᠠᠴᠠ ᠰᠠᠨᠠᠯ ᠬᠤᠷᠢᠶᠠᠪᠠ᠃ ᠤᠯᠠᠮᠵᠢᠯᠠᠯᠲᠤ ᠲᠥᠯᠥᠪᠵᠢᠭᠦᠯᠭᠡ ᠵᠢᠨ ᠬᠢᠨᠠᠨ ᠪᠠᠢ᠌ᠴᠠᠭ᠋ᠠᠯᠲᠠ ᠪᠣᠯᠣᠨ ᠨᠡᠢ᠌ᠲᠡ᠎ᠳᠤ ᠵᠠᠷᠯᠠᠬᠤ ᠶᠠᠪᠤᠴᠠ ᠵᠢᠨ ᠰᠠᠭᠤᠷᠢᠨ ᠳᠡᠭᠡᠷ᠎ᠡ᠂ ᠲᠥᠯᠥᠪᠵᠢᠭᠦᠯᠭᠡ᠎ᠨᠢ ᠪᠠᠰᠠ ᠬᠥᠲᠥᠯᠪᠦᠷᠢ ᠵᠢᠨ ᠲᠣᠪᠴᠢ ᠵᠢᠨ ᠣᠷᠢᠳᠴᠢᠯᠠᠨ ᠪᠠᠢ᠌ᠴᠠᠭ᠋ᠠᠬᠤ ᠪᠠ ᠠᠮᠵᠢᠯᠲᠠ ᠪᠥᠲᠥᠮᠵᠢ ᠵᠢ ᠤᠷᠢᠳᠴᠢᠯᠠᠨ ᠪᠠᠢ᠌ᠴᠠᠭ᠋ᠠᠬᠤ ᠭᠣᠭᠴᠣᠭ᠎ᠠ ᠵᠢ ᠨᠡᠮᠡᠵᠦ᠂ ᠲᠥᠯᠥᠪᠵᠢᠭᠦᠯᠭᠡ ᠵᠢᠨ ᠠᠮᠵᠢᠯᠲᠠ ᠪᠥᠲᠥᠮᠵᠢ ᠵᠢᠨ ᠶᠠᠰᠤ ᠴᠢᠨᠠᠷ᠎ᠢ ᠪᠠᠲᠤᠯᠠᠪᠠ᠃ ᠲᠥᠯᠥᠪᠵᠢᠭᠦᠯᠭᠡ᠎ᠳᠤ ᠰᠠᠯᠠᠭ᠎ᠠ ᠮᠦᠴᠢᠷ᠎ᠤᠨ ᠥᠷᠭᠡᠨ ᠳᠡᠯᠭᠡᠷ ᠭᠦᠨᠵᠡᠭᠡᠢ ᠣᠷᠣᠯᠴᠠᠯᠭ᠎ᠠ ᠵᠢ ᠥᠷᠨᠢᠭᠦᠯᠵᠦ᠂ ᠰᠠᠯᠠᠭ᠎ᠠ ᠮᠦᠴᠢᠷ᠎ᠤᠨ ᠵᠣᠬᠢᠴᠠᠭᠤᠯᠬᠤ ᠬᠤᠷᠠᠯ᠎ᠢ ᠣᠷᠢᠳ ᠬᠣᠵᠢᠳ 40 ᠭᠠᠷᠤᠢ ᠤᠳᠠᠭ᠎ᠠ ᠬᠤᠷᠠᠯᠳᠤᠭᠤᠯᠵᠤ᠂ ᠡᠯ᠎ᠡ ᠰᠠᠯᠠᠭ᠎ᠠ ᠮᠦᠴᠢᠷ᠎ᠤᠨ ᠬᠥᠭᠵᠢᠯᠲᠡ ᠵᠢᠨ ᠲᠥᠯᠥᠪᠯᠡᠭᠡ ᠵᠢ ᠲᠤᠰ ᠲᠥᠯᠥᠪᠵᠢᠭᠦᠯᠭᠡ᠎ᠯᠦᠭᠡ ᠭᠦᠢ᠍ᠴᠡᠳ ᠵᠣᠯᠭ᠋ᠠᠯᠳᠤᠭᠤᠯᠤᠨ ᠵᠣᠬᠢᠴᠠᠭᠤᠯᠵᠤ᠂ ᠲᠥᠯᠥᠪᠵᠢᠭᠦᠯᠭᠡ ᠵᠢᠨ ᠬᠡᠷᠡᠭᠵᠢᠭᠦᠯᠵᠦ ᠪᠣᠯᠬᠤᠶ᠋ᠢᠴᠠ ᠴᠢᠨᠠᠷ᠎ᠢ ᠲᠦᠢ᠍ᠯ᠎ᠤᠨ ᠶᠡᠭᠡᠪᠡᠷ ᠳᠡᠭᠡᠭᠰᠢᠯᠡᠭᠦᠯᠪᠡ᠃
ᠳᠠᠷᠠᠭ᠋ᠠᠯᠠᠪᠠᠯ᠂ ᠬᠣᠳᠠ ᠬᠥᠳᠡᠭᠡ ᠵᠢᠨ ᠲᠥᠯᠥᠪᠵᠢᠭᠦᠯᠭᠡ ᠵᠢᠨ ᠪᠣᠳᠠᠲᠠᠶ ᠬᠠᠮᠢᠶᠠᠷᠤᠯᠲᠠ ᠵᠢᠨ ᠲᠠᠯ᠎ᠠ᠎ᠪᠠᠷ᠂ ᠵᠢᠷᠤᠮᠵᠢᠭᠤᠨ ᠪᠥᠭᠡᠳ ᠢᠯᠡ ᠲᠣᠳᠣ ᠪᠠᠢ᠌ᠯᠭ᠋ᠠᠬᠤ ᠵᠢ ᠠᠯᠬᠤᠮ ᠠᠯᠬᠤᠮ ᠵᠶ᠋ᠠᠷ ᠪᠡᠶᠡᠯᠡᠭᠦᠯᠪᠡ᠃ ᠲᠥᠯᠥᠪᠵᠢᠭᠦᠯᠭᠡ ᠵᠢᠨ ᠲᠥᠰᠦᠯ᠎ᠢ ᠨᠠᠶ᠋ᠢᠷᠠᠭᠤᠯᠤᠨ ᠵᠣᠬᠢᠶᠠᠵᠤ ᠬᠢᠨᠠᠨ ᠵᠥᠪᠰᠢᠶᠡᠷᠡᠬᠦ ᠲᠠᠯ᠎ᠠ᠎ᠪᠠᠷ᠂ ᠮᠠᠨ᠎ᠤ ᠬᠤᠲᠠ 《ᠭᠤᠷᠪᠠᠨ ᠱᠠᠲᠤ᠎ᠪᠠᠷ ᠬᠢᠨᠠᠨ ᠵᠥᠪᠰᠢᠶᠡᠷᠡᠬᠦ》 ᠳᠡᠭᠡᠷ᠎ᠡ 《ᠰᠠᠨᠠᠯ ᠬᠤᠷᠢᠶᠠᠬᠤ》 ᠵᠢ ᠨᠡᠮᠡᠬᠥ ᠶᠣᠰᠤᠭ᠋ᠠᠷ ᠬᠡᠷᠡᠭᠵᠢᠭᠦᠯᠪᠡ᠃ ᠲᠥᠷᠥᠯ ᠵᠦᠢ᠍ᠯ ᠨᠢᠭᠡᠪᠦᠷᠢ ᠵᠢᠨ ᠲᠥᠯᠥᠪᠵᠢᠭᠦᠯᠭᠡ ᠵᠢᠨ ᠲᠥᠰᠦᠯ᠎ᠳᠤ ᠲᠥᠷᠥᠯ ᠵᠦᠢ᠍ᠯ᠎ᠤᠨ ᠪᠠᠶ᠋ᠢᠭ᠎ᠠ ᠭᠠᠵᠠᠷ᠎ᠤᠨ ᠵᠠᠰᠠᠭ᠎ᠤᠨ ᠣᠷᠳᠣᠨ ᠪᠤᠶᠤ ᠰᠢᠨ᠎ᠡ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠎ᠠᠴᠠ ᠪᠣᠳᠠᠲᠠᠶ ᠰᠠᠨᠠᠯ ᠳᠤᠷᠠᠳᠴᠤ᠂ ᠬᠤᠳᠠ ᠵᠢᠨ ᠲᠥᠯᠥᠪᠵᠢᠭᠦᠯᠭᠡ ᠵᠢᠨ ᠲᠣᠪᠴᠢᠶ᠎ᠡ᠎ᠠᠴᠠ ᠦᠵᠡᠮᠵᠢ ᠵᠢᠨ ᠺᠣᠮᠢᠰ᠎ᠢ ᠵᠣᠬᠢᠶᠠᠨ ᠪᠠᠶ᠋ᠢᠭᠤᠯᠤᠨ ᠠᠩᠬ᠎ᠠ ᠬᠢᠨᠠᠭᠤᠯᠤᠭᠰᠠᠨᠤ ᠲᠠᠷᠠᠭ᠎ᠠ᠂ ᠵᠠᠰᠠᠭ᠎ᠤᠨ ᠣᠷᠳᠣᠨ᠎ᠤ ᠲᠥᠷᠥᠯ ᠵᠦᠢ᠍ᠯ᠎ᠢ ᠬᠢᠨᠠᠨ ᠪᠠᠶ᠋ᠢᠴᠠᠭ᠋ᠠᠬᠤ ᠺᠣᠮᠢᠰ᠎ᠲᠤ ᠲᠤᠰᠢᠶᠠᠵᠤ ᠬᠢᠨᠠᠨ ᠪᠠᠢ᠌ᠴᠠᠭ᠋ᠠᠯᠭ᠋ᠠᠭ᠋ᠠᠳ᠂ ᠬᠣᠲᠠ ᠵᠢᠨ ᠲᠥᠯᠥᠪᠵᠢᠭᠦᠯᠭᠡ ᠵᠢᠨ ᠺᠣᠮᠢᠰ᠎ᠲᠤ ᠮᠡᠳᠡᠭᠦᠯᠵᠦ ᠬᠢᠨᠠᠨ ᠲᠣᠭᠲᠠᠭ᠋ᠠᠯᠭ᠋ᠠᠪᠠ᠃ ᠡᠭᠦᠨ᠎ᠤ ᠬᠠᠮᠲᠤ᠂ ᠲᠥᠯᠥᠪᠵᠢᠭᠦᠯᠭᠡ ᠵᠢᠨ ᠲᠥᠷᠥᠯ ᠵᠦᠢ᠍ᠯ ᠨᠢᠭᠡᠪᠦᠷᠢ ᠵᠢ ᠬᠠᠤᠯᠢ᠎ᠪᠠᠷ ᠲᠣᠭᠲᠠᠭ᠋ᠠᠭᠰᠠᠨ ᠳᠡᠰ ᠳᠠᠷᠠᠭ᠋ᠠᠯᠠᠯ ᠶᠣᠰᠣᠭ᠋ᠠᠷ ᠬᠢᠨᠠᠨ ᠪᠠᠶ᠋ᠢᠴᠠᠭ᠋ᠠᠵᠤ ᠵᠥᠪᠰᠢᠶᠡᠷᠡᠭᠰᠡᠨ᠎ᠤ ᠲᠡᠷᠡᠭ᠎ᠠ ᠪᠠ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠭᠠᠷᠲᠠᠮᠢ ᠭᠦᠢ᠍ᠴᠡᠳᠬᠡᠬᠥᠠᠴᠠ ᠡᠮᠦᠨ᠎ᠡ᠂ ᠴᠥᠮ ᠨᠡᠶ᠋ᠢᠭᠡᠮ ᠨᠡᠶ᠋ᠢᠲᠡ᠎ᠳᠤ ᠥᠷᠭᠡᠨ ᠵᠶ᠋ᠠᠷ ᠨᠡᠶ᠋ᠢᠲᠡᠯᠡᠵᠦ᠂ ᠰᠠᠨᠠᠯ ᠬᠤᠷᠢᠶᠠᠪᠠ᠃
ᠲᠥᠯᠥᠪᠵᠢᠭᠦᠯᠭᠡ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠲᠠᠯ᠎ᠠ᠎ᠪᠠᠷ᠂ ᠪᠢᠳᠡ 《ᠨᠡᠷᠡᠨ ᠭᠡᠷᠡᠯᠲᠦ ᠲᠥᠯᠥᠪᠵᠢᠭᠦᠯᠭᠡ》 ᠵᠢᠨ ᠢᠨᠵᠧᠨᠧᠷᠢᠩ᠎ᠢ ᠤᠯᠠᠮ ᠨᠢᠭᠡ ᠠᠯᠬᠤᠮ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠲᠥᠯᠥᠪᠵᠢᠭᠦᠯᠭᠡ ᠵᠢ ᠬᠢᠨᠠᠨ ᠵᠥᠪᠰᠢᠶᠡᠷᠡᠬᠦ ᠠᠷᠭ᠎ᠠ ᠮᠠᠶᠢᠭ ᠪᠣᠯᠣᠨ ᠭᠦᠢ᠍ᠴᠡᠳᠬᠡᠬᠥ ᠳᠡᠰ ᠳᠠᠷᠠᠭ᠋ᠠᠯᠠᠯ᠎ᠳᠤ ᠵᠠᠰᠠᠪᠤᠷᠢ ᠣᠷᠤᠭᠤᠯᠤᠨ ᠵᠢᠷᠤᠮᠵᠢᠭᠤᠯᠵᠤ᠂ ᠲᠥᠯᠥᠪᠵᠢᠭᠦᠯᠭᠡ ᠵᠢ ᠬᠢᠨᠠᠨ ᠵᠥᠪᠰᠢᠶᠡᠷᠡᠬᠦ ᠵᠦᠢ᠍ᠯᠡᠰ᠎ᠢ ᠴᠦᠮ ᠬᠤᠳᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠠᠨᠭ᠌ᠬᠢᠮᠳᠤ ᠣᠷᠤᠭᠤᠯᠵᠤ᠂ 《ᠨᠢᠭᠡ ᠦᠷᠳᠡᠭᠡᠯᠢᠭ》 ᠦᠢ᠍ᠯᠡᠴᠢᠯᠡᠭᠡ ᠵᠢ ᠪᠡᠶᠡᠯᠡᠭᠦᠯᠪᠡ᠃ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠢᠨᠠᠨ ᠵᠥᠪᠰᠢᠶᠡᠷᠡᠬᠦ ᠤᠷᠢᠳᠠᠴᠢ ᠨᠥᠬᠥᠴᠡᠯ᠎ᠢ ᠪᠠᠭ᠋ᠠᠰᠬᠠᠨ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠥᠯᠦᠭᠡ᠂ ᠬᠣᠲᠠ ᠵᠢᠨ ᠵᠠᠰᠠᠭ᠎ᠤᠨ ᠣᠷᠳᠣᠨ᠎ᠳᠤ ᠮᠡᠳᠡᠭᠦᠯᠦᠨ ᠵᠦᠪᠰᠢᠶᠡᠷᠡᠭᠦᠯᠦᠭᠡᠳ᠂ ᠰᠤᠷᠭ᠋ᠠᠨ ᠬᠥᠮᠦᠵᠢᠯ᠂ ᠤᠯᠤᠰ᠎ᠤᠨ ᠭᠠᠵᠠᠷ ᠰᠢᠷᠣᠶ᠂ ᠣᠷᠣᠨ ᠰᠠᠭᠤᠴᠠ ᠪᠣᠯᠤᠨ ᠪᠦᠲᠦᠭᠡᠨ ᠪᠠᠶ᠋ᠢᠭᠤᠯᠤᠯᠲᠠ᠂ ᠣᠷᠴᠢᠨ ᠲᠣᠭᠣᠷᠢᠨ᠎ᠢ ᠬᠠᠮᠠᠭ᠋ᠠᠯᠠᠬᠤ᠂ ᠠᠷᠠᠳ᠎ᠤᠨ ᠠᠭ᠋ᠠᠷ᠎ᠤᠨ ᠰᠡᠷᠭᠡᠶ᠋ᠢᠯᠡᠯᠲᠡ᠂ ᠳᠠᠩᠰᠠ ᠡᠪᠬᠡᠮᠡᠯ᠂ ᠭᠠᠯ ᠤᠨᠲᠠᠷᠠᠭ᠋ᠠᠬᠤ ᠵᠡᠷᠭᠡ ᠰᠠᠯᠠᠭ᠎ᠠ ᠮᠥᠴᠢᠷ ᠪᠣᠯᠤᠨ ᠨᠢᠭᠡᠴᠡ ᠵᠢᠨ ᠲᠥᠯᠥᠪᠵᠢᠭᠦᠯᠭᠡ ᠵᠢᠨ ᠤᠷᠢᠳᠠᠴᠢ ᠨᠥᠬᠥᠴᠡᠯ᠎ᠢ ᠬᠦᠴᠦᠨ ᠦᠭᠡᠢ ᠪᠣᠯᠭ᠋ᠠᠵᠤ᠂ ᠠᠵᠢᠯ᠎ᠤᠨ ᠦᠷ᠎ᠡ ᠪᠥᠲᠦᠮᠵᠢ᠎ᠪᠠᠨ ᠳᠡᠭᠡᠭᠰᠢᠯᠡᠭᠦᠯᠦᠭᠰᠡᠨ ᠪᠠᠶ᠋ᠢᠨ᠎ᠠ᠃ ᠤᠢ᠍ᠢ᠍ᠷ᠎ᠠ ᠵᠢᠨ ᠵᠢᠯ᠎ᠤᠳ᠎ᠲᠤ᠂ ᠪᠢᠳᠠ ᠪᠠᠰᠠ ᠬᠡᠰᠡᠭ ᠨᠠᠮ᠎ᠤᠨ ᠲᠥᠯᠥᠭᠡᠯᠡᠭᠴᠢ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ ᠪᠣᠯᠣᠨ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ᠎ᠤ ᠲᠥᠯᠥᠭᠡᠯᠡᠭᠴᠢ ᠵᠡᠷᠭᠡ ᠬᠥᠮᠦᠰ᠎ᠢ ᠤᠷᠢᠨ ᠮᠠᠨ᠎ᠤ ᠲᠣᠪᠴᠢᠶ᠎ᠡ ᠵᠢᠨ ᠲᠥᠯᠥᠪᠵᠢᠭᠦᠯᠭᠡ ᠵᠢᠨ ᠳᠦᠷᠦᠯ ᠵᠦᠢ᠍ᠯ᠎ᠢ ᠬᠢᠨᠠᠨ ᠪᠠᠶ᠋ᠢᠴᠠᠭ᠋ᠠᠬᠤ ᠬᠤᠷᠠᠯᠳᠤᠭ᠋ᠠᠨ᠎ᠳᠤ ᠣᠷᠣᠯᠴᠠᠭᠤᠯᠵᠤ᠂ ᠰᠠᠨᠠᠯ ᠪᠠ ᠰᠠᠨᠠᠭᠤᠯᠭ᠎ᠠ ᠭᠠᠷᠭ᠋ᠠᠭᠤᠯᠵᠤ᠂ ᠬᠤᠷᠠᠯ᠎ᠤᠨ ᠪᠦᠬᠦ ᠶᠠᠪᠤᠴᠠ᠎ᠳᠤ ᠬᠢᠨᠠᠯᠲᠠ ᠲᠠᠯᠪᠢᠭᠤᠯᠵᠤ᠂ ᠲᠥᠯᠥᠪᠵᠢᠭᠦᠯᠭᠡ ᠵᠢᠨ ᠲᠥᠷᠥᠯ ᠵᠦᠢ᠍ᠯ᠎ᠤᠨ ᠬᠢᠨᠠᠨ ᠪᠠᠶ᠋ᠢᠴᠠᠭ᠋ᠠᠬᠤ ᠠᠵᠢᠯ᠎ᠤᠨ ᠢᠯᠡ ᠲᠣᠳᠣ ᠪᠠᠢ᠌ᠯᠭ᠋ᠠᠬᠤ ᠬᠡᠮᠵᠢᠶ᠎ᠡ ᠵᠢ ᠨᠡᠮᠡᠭᠳᠡᠭᠦᠯᠪᠡ᠃ ᠪᠢᠳᠡ ᠬᠢᠨᠠᠨ ᠵᠥᠪᠰᠢᠶᠡᠷᠡᠬᠦ᠂ ᠬᠠᠮᠢᠶᠠᠷᠬᠤ᠂ ᠰᠢᠯᠭ᠋ᠠᠨ ᠠᠪᠬᠤ ᠵᠢ ᠬᠠᠷᠢᠯᠴᠠᠨ ᠰᠠᠯᠭ᠋ᠠᠬᠤ ᠵᠢ ᠦᠷᠭᠦᠯᠵᠢᠯᠡᠨ ᠪᠠᠷᠢᠮᠲᠠᠯᠠᠵᠤ᠂ ᠡᠯ᠎ᠡ ᠵᠠᠩᠭᠢᠯᠠᠭ᠎ᠠ ᠵᠢᠨ 《ᠰᠢᠯᠭ᠋ᠠᠬᠤ》 ᠴᠢᠳᠠᠮᠵᠢ ᠵᠢ ᠴᠢᠨᠭ᠌ᠭ᠋ᠠᠷᠠᠭᠤᠯᠤᠨ᠂ ᠲᠥᠯᠥᠪᠵᠢᠭᠦᠯᠭᠡ ᠵᠢᠨ ᠨᠠᠢ᠌ᠳᠠᠪᠤᠷᠢᠵᠢᠭᠤᠯᠤᠯᠲᠠ ᠵᠢᠨ ᠬᠤᠪᠢᠷᠠᠬᠤ ᠦᠭᠡᠶ ᠪᠠᠢ᠌ᠬᠤ ᠵᠢ ᠪᠠᠲᠤᠯᠠᠵᠤ᠂ ᠡᠯ᠎ᠡ ᠵᠦᠢ᠍ᠯ᠎ᠤᠨ ᠲᠥᠯᠥᠪᠵᠢᠭᠦᠯᠭᠡ ᠵᠢᠨ ᠬᠢᠨᠠᠨ ᠵᠥᠪᠰᠢᠶᠡᠷᠡᠬᠦ ᠠᠵᠢᠯ᠎ᠢ ᠨᠡᠯᠢᠶᠡᠳ ᠰᠠᠢ᠍ᠢ᠍ᠨ ᠪᠡᠶᠡᠯᠡᠭᠦᠯᠪᠡ᠃
ᠬᠥᠲᠥᠯᠥᠭᠴᠢ᠄
ᠲᠠᠨ᠎ᠳᠤ ᠲᠣᠨᠭ᠌ ᠶᠡᠬᠡ ᠲᠠᠯᠠᠷᠬᠠᠯ᠎ᠠ᠃ ᠤᠢ᠍ᠢ᠍ᠷ᠎ᠠ ᠵᠢᠨ ᠵᠢᠯ᠎ᠤᠳ᠎ᠲᠤ᠂ ᠪᠢᠳᠡ ᠤᠯᠠᠭ᠋ᠠᠨᠬᠠᠳᠠ ᠬᠤᠳᠠ ᠵᠢᠨ ᠳᠦᠷᠰᠦ ᠪᠠᠶ᠋ᠢᠳᠠᠯ᠎ᠳᠤ ᠯᠤᠲᠤ ᠶᠡᠬᠡ ᠬᠤᠪᠢᠷᠠᠯᠲᠠ ᠭᠠᠷᠤᠭᠰᠠᠨ᠎ᠢ ᠣᠯᠵᠤ ᠦᠵᠡᠪᠡ᠂ ᠬᠣᠲᠠ ᠵᠢᠨ ᠪᠠᠢ᠌ᠷᠢᠯᠠᠭᠤᠯᠤᠯᠲᠠ ᠡᠳᠦᠷ ᠢᠷᠡᠬᠦᠶ᠎ᠡ ᠵᠦᠢ ᠵᠣᠬᠢᠰᠲᠠᠶ ᠪᠣᠯᠵᠤ᠂ ᠬᠤᠳᠠ ᠵᠢᠨ ᠴᠢᠳᠠᠮᠵᠢ ᠴᠦ᠍ ᠲᠠᠰᠤᠷᠠᠯᠲᠠ ᠦᠭᠡᠢ ᠲᠡᠭᠦᠯᠳᠡᠷᠵᠢᠪᠡ᠂ ᠵᠠᠩ ᠳᠠᠷᠤᠭ᠎ᠠ ᠵᠢᠨ ᠲᠠᠨᠢᠯᠴᠠᠭᠤᠯᠭ᠎ᠠ᠎ᠪᠠᠷ ᠳᠠᠮᠵᠢᠭᠤᠯᠤᠨ᠂ ᠪᠢᠳᠡ ᠪᠠᠰᠠ ᠬᠤᠲᠠ ᠵᠢᠨ ᠲᠥᠯᠥᠪᠵᠢᠭᠦᠯᠭᠡ᠎ᠠᠴᠠ ᠬᠥᠲᠥᠯᠥᠨ ᠵᠢᠯᠣᠭᠣᠳᠴᠤ ᠲᠣᠬᠢᠷᠠᠭᠤᠯᠤᠨ ᠡᠵᠡᠮᠳᠡᠬᠦ ᠪᠠ ᠠᠬᠢᠭᠤᠯᠬᠤ ᠦᠢ᠍ᠯᠡᠳᠦᠯ ᠦᠵᠡᠭᠦᠯᠬᠦ᠎ᠨᠢ ᠤᠯᠠᠮ᠎ᠠᠴᠠ ᠤᠯᠠᠮ ᠮᠡᠳᠡᠭᠳᠡᠬᠦᠶ᠋ᠢᠴᠡ ᠪᠣᠯᠣᠭᠰᠠᠨ᠎ᠢ ᠮᠡᠳᠡᠵᠦ᠂ ᠲᠥᠯᠥᠪᠵᠢᠭᠦᠯᠭᠡ ᠵᠢᠨ ᠲᠤᠬᠠᠶ ᠮᠠᠰᠢ ᠤᠯᠠᠨ ᠮᠡᠳᠡᠯᠭᠡ ᠵᠢ ᠣᠢ᠌ᠯᠠᠭ᠋ᠠᠪᠠ᠂ ᠵᠠᠩ ᠲᠣᠪᠴᠢᠶᠠᠨ ᠳᠠᠷᠤᠭ᠎ᠠ᠎ᠳᠤ ᠳᠠᠬᠢᠨᠲᠠ ᠲᠠᠯᠠᠷᠬᠠᠵᠤ ᠪᠠᠶ᠋ᠢᠨ᠎ᠠ᠃
ᠰᠦᠯᠵᠢᠶᠡᠨ ᠠᠨᠳᠠ ᠨᠠᠷ ᠡ᠂ ᠥᠨᠥᠳᠦᠷ᠎ᠤᠨ ᠰᠤᠷᠪᠤᠯᠵᠢᠯᠠᠭ᠎ᠠ ᠡᠨᠳᠡ ᠬᠦᠷᠦᠭᠡᠳ ᠦᠨᠳᠦᠷᠯᠡᠯ᠎ᠡ᠂ ᠪᠠᠶᠠᠷᠲᠠᠶ!