ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠥᠪᠡᠷᠲᠡᠭᠡᠨ ᠵᠠᠰᠠᠬᠤ ᠣᠷᠣᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ᠎ᠤᠨ ᠪᠠᠶ᠋ᠢᠭᠤᠯᠤᠯᠲᠠ ᠵᠢᠨ ᠪᠠᠶ᠋ᠢᠳᠠᠯ᠎ᠤᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2016-04-11

      ᠰᠣᠷᠪᠤᠯᠵᠢᠯᠠᠭᠰᠠᠨ ᠴᠠᠭ᠄
     2016 ᠣᠨ᠎ᠤ 3 ᠳ᠋ᠤᠭ᠋ᠠᠷ ᠰᠠᠷ᠎ᠠ ᠵᠢᠨ 22᠎ᠤᠨ ᠡᠳᠦᠷ᠎ᠤᠨ ᠦᠳᠡ ᠵᠢᠨ ᠬᠣᠢ᠌ᠨᠠᠬᠢ 3 ᠴᠠᠭ
      ᠰᠣᠷᠪᠤᠯᠵᠢᠯᠠᠭᠰᠠᠨ ᠵᠣᠴᠢᠨ᠄
      ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠎ᠤᠨ ᠲᠤᠰᠬᠠᠶ ᠲᠣᠮᠢᠯᠠᠭᠰᠠᠨ ᠪᠠᠶ᠋ᠢᠴᠠᠭ᠋ᠠᠭᠴᠢ   ᠵᠠᠨᠭ᠌ ᠪᠢᠨ
      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
      ᠣᠶ᠋ᠢᠷ᠎ᠠ ᠵᠢᠨ ᠡᠳᠦᠷ᠂ ᠪᠢᠳᠡ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠎ᠤᠨ ᠲᠤᠰᠬᠠᠶ ᠲᠣᠮᠢᠯᠠᠭᠰᠠᠨ ᠪᠠᠶ᠋ᠢᠴᠠᠭ᠋ᠠᠭᠴᠢ ᠵᠠᠨᠭ᠌ ᠪᠢᠨ᠎ᠢ 《ᠳᠤᠮᠳᠠᠳᠤ ᠤᠯᠤᠰ᠂ ᠦᠪᠤᠷ ᠮᠤᠩᠭᠤᠯ》 ᠰᠦᠯᠵᠢᠶᠡᠨ᠎ᠤ ᠰᠤᠷᠪᠤᠯᠵᠢᠯᠠᠭ᠎ᠠ ᠶᠠᠷᠢᠯᠴᠠᠭ᠎ᠠ ᠵᠢᠨ ᠪᠤᠯᠤᠩ᠎ᠳᠤ ᠤᠷᠢᠵᠤ᠂ ᠮᠠᠨ᠎ᠤ ᠣᠷᠣᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ᠎ᠤᠨ ᠪᠠᠶ᠋ᠢᠭᠤᠯᠤᠯᠲᠠ ᠵᠢᠨ ᠪᠠᠶ᠋ᠢᠳᠠᠯ᠎ᠤᠨ ᠲᠤᠬᠠᠢ ᠰᠦᠯᠵᠢᠶᠡᠨ ᠳᠡᠭᠡᠷ᠎ᠡ ᠲᠠᠶ᠋ᠢᠯᠤᠮᠵᠢ ᠬᠢᠯᠭᠡᠬᠥ ᠪᠣᠯᠣᠨ᠎ᠠ᠃ ᠲᠤᠬᠠᠢ ᠵᠢᠨ ᠴᠠᠭ᠎ᠲᠤ ᠰᠦᠯᠵᠢᠶᠡᠨ ᠠᠨᠳᠠ ᠨᠠᠷ ᠢᠳᠡᠪᠬᠢᠲᠡᠢ ᠤᠷᠤᠯᠴᠠᠬᠤ ᠪᠤᠯᠪᠠᠤ!


      ᠰᠤᠷᠪᠤᠯᠵᠢᠯᠠᠭ᠎ᠠ ᠵᠢᠨ ᠪᠣᠳᠠᠳᠤ ᠲᠡᠮᠳᠡᠭᠯᠡᠯ᠄

      ᠬᠦᠳᠤᠯᠦᠭᠴᠢ᠄
      ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨ᠎ᠠ ᠤᠤ? ᠲᠤᠰ ᠬᠤᠭᠤᠴᠠᠭ᠋ᠠᠨ᠎ᠤ 《ᠳᠤᠮᠳᠠᠳᠤ ᠤᠯᠤᠰ᠂ ᠦᠪᠤᠷ ᠮᠤᠩᠭᠤᠯ》 ᠰᠦᠯᠵᠢᠶᠡᠨ᠎ᠤ ᠰᠤᠷᠪᠤᠯᠵᠢᠯᠠᠭ᠎ᠠ ᠶᠠᠷᠢᠯᠴᠠᠭ᠎ᠠ ᠵᠢᠨ ᠪᠤᠯᠤᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠳᠤᠵᠦ ᠪᠠᠢ᠌ᠨ᠎ᠠ᠃ ᠦᠨᠦᠳᠤᠷ ᠪᠢᠳᠡᠨ᠎ᠤ ᠤᠷᠢᠭᠰᠠᠨ ᠵᠤᠴᠢᠨ ᠪᠤᠯ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠎ᠤᠨ ᠲᠤᠰᠬᠠᠶ ᠲᠣᠮᠢᠯᠠᠭᠰᠠᠨ ᠪᠠᠶ᠋ᠢᠴᠠᠭ᠋ᠠᠭᠴᠢ ᠵᠠᠨᠭ᠌ ᠪᠢᠨ ᠪᠤᠯᠤᠨ᠎ᠠ᠂ ᠳᠡᠷᠡ ᠮᠠᠨ᠎ᠤ ᠣᠷᠣᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ᠎ᠤᠨ ᠪᠠᠶ᠋ᠢᠭᠤᠯᠤᠯᠲᠠ ᠵᠢᠨ ᠪᠠᠶ᠋ᠢᠳᠠᠯ᠎ᠤᠨ ᠲᠤᠬᠠᠢ ᠲᠠ ᠪᠥᠬᠥᠨ᠎ᠲᠠᠢ ᠰᠦᠯᠵᠢᠶᠡᠨ ᠳᠡᠭᠡᠷ᠎ᠡ ᠵᠣᠭᠣᠭᠳᠠᠬᠤ ᠪᠣᠯᠣᠨ᠎ᠠ᠃ ᠵᠠᠨᠭ᠌ ᠡᠷᠬᠢᠯᠡᠭᠴᠢ ᠡ᠂ ᠲᠠᠨ᠎ᠢ ᠪᠠᠶᠠᠷᠯᠠᠨ ᠤᠭᠳᠤᠵᠦ ᠪᠠᠢ᠌ᠨ᠎ᠠ!
      ᠵᠠᠨᠭ᠌ ᠪᠢᠨ᠄
      ᠬᠦᠳᠤᠯᠦᠭᠴᠢ ᠰᠠᠢ᠌ᠨ ᠤᠤ? ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨ᠎ᠠ ᠤᠤ?
      ᠬᠥᠲᠥᠯᠥᠭᠴᠢ᠄
      ᠵᠠᠩ ᠡᠷᠬᠢᠯᠡᠭᠴᠢ ᠡ᠂ ᠮᠠᠨ᠎ᠤ ᠣᠷᠣᠨ᠎ᠳᠤ ᠶᠠᠭ᠋ᠠᠬᠢᠭ᠋ᠠᠳ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠪᠠᠢ᠌ᠭᠤᠯᠬᠤ ᠪᠣᠯᠣᠭᠰᠠᠨ᠎ᠢ ᠶᠠᠷᠢᠭ᠋ᠠᠳ ᠥᠭᠭᠦᠨᠠᠦ?
      ᠵᠠᠨᠭ᠌ ᠪᠢᠨ᠄
      ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ᠎ᠤᠨ ᠪᠠᠢ᠌ᠭᠤᠯᠤᠯᠲᠠ᠎ᠪᠠᠷ ᠳᠠᠮᠵᠢᠭᠤᠯᠤᠨ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠭᠰᠠᠨ ᠠᠮᠵᠢᠯᠲᠠ ᠵᠢ ᠨᠡᠨᠭ ᠰᠠᠢ᠌ᠨ ᠪᠠᠲᠤᠳᠬᠠᠨ᠂ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠬᠦᠯᠢᠶᠡᠨ ᠠᠪᠴᠤ ᠰᠠᠶ᠋ᠢᠲᠤᠷ ᠬᠠᠮᠢᠶᠠᠷᠬᠤ ᠪᠠ ᠬᠠᠮᠵᠢᠯᠴᠠᠨ ᠬᠢᠨᠠᠨ ᠬᠠᠮᠢᠶᠠᠷᠬᠤ᠎ᠪᠠᠨ ᠴᠢᠨᠭ᠌ᠭ᠋ᠠᠳᠬᠠᠬᠤ ᠵᠢᠨ ᠲᠤᠰᠠᠲᠠ᠂ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠎ᠤᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ (ᠳᠣᠷᠣᠭᠰᠢ ᠲᠠᠪᠴᠠᠩ ᠭᠡᠵᠦ ᠲᠣᠪᠴᠢᠯᠠᠨ᠎ᠠ)᠎ᠤᠨ ᠪᠦᠳᠦᠭᠡᠨ ᠪᠠᠶ᠋ᠢᠭᠤᠯᠤᠯᠲᠠ ᠵᠢᠨ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠥ ᠵᠢ ᠬᠠᠷᠢᠭᠤᠴᠠᠭᠤᠯᠵᠤ᠂ ᠪᠥᠲᠦᠭᠡᠨ ᠪᠠᠢ᠌ᠭᠤᠯᠤᠯᠲᠠ ᠵᠢᠨ ᠰᠠᠯᠠᠭ᠎ᠠ ᠮᠥᠴᠢᠷ ᠪᠣᠯᠣᠨ ᠣᠷᠣᠨ ᠨᠤᠲᠤᠭ᠎ᠤᠨ ᠬᠠᠮᠵᠢᠯᠴᠠᠨ ᠬᠥᠳᠡᠯᠦᠯᠴᠡᠭᠰᠡᠨ ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ ᠲᠣᠭᠲᠠᠴᠠ᠎ᠳᠤ ᠮᠡᠷᠭᠡᠵᠢᠯ᠎ᠤᠨ ᠲᠦᠰᠢᠭ ᠲᠤᠯᠭ᠋ᠠᠭᠤᠷᠢ ᠬᠠᠩᠭ᠋ᠠᠵᠤ ᠥᠭᠪᠡ᠃ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠲᠠᠪᠴᠠᠩ᠎ᠤᠨ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠲᠦᠷᠦ ᠵᠢᠨ ᠶᠠᠪᠤᠳᠠᠯ᠎ᠤᠨ ᠬᠣᠷᠢᠶᠠᠨ᠎ᠤ 2015 ᠣᠨ᠎ᠤ 《ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ᠂ ᠴᠢᠯᠥᠭᠡᠲᠡᠶ ᠲᠠᠯᠪᠢᠬᠤ ᠪᠠ ᠬᠠᠮᠢᠶᠠᠷᠬᠤ ᠵᠢ ᠤᠶᠠᠯᠳᠤᠭᠤᠯᠬᠤ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢ ᠬᠤᠪᠢᠷᠠᠭᠤᠯᠬᠤ ᠠᠵᠢᠯ᠎ᠤᠨ ᠲᠥᠰᠦᠯ》᠎ᠤᠨ ᠭᠣᠣᠯᠳᠠᠯᠭ᠎ᠠ᠎ᠲᠠᠢ ᠰᠢᠮᠳᠠᠭᠤᠯᠤᠨ ᠭᠦᠢ᠍ᠴᠡᠳᠬᠡᠯᠭᠡᠬᠥ ᠲᠥᠷᠥᠯ ᠵᠦᠢ᠍ᠯ ᠵᠶ᠋ᠠᠷ ᠲᠣᠭᠲᠠᠭ᠋ᠠᠬᠤ ᠵᠢᠨ ᠬᠠᠮᠲᠤ 2015 ᠣᠨ᠎ᠤ ᠡᠴᠦᠰ᠎ᠲᠤ ᠲᠥᠪ ᠲᠠᠪᠴᠠᠩ ᠪᠣᠯᠤᠨ ᠡᠯ᠎ᠡ ᠮᠤᠵᠢ ᠣᠷᠣᠨ᠎ᠤ ᠲᠠᠪᠴᠠᠩ ᠭᠤᠯᠳᠤ᠎ᠪᠠᠷ ᠨᠡᠪᠲᠡᠷᠡᠯᠴᠡᠬᠥ ᠵᠢ ᠪᠡᠶᠡᠯᠡᠭᠦᠯᠬᠦ ᠬᠡᠷᠡᠭᠲᠡᠢ ᠭᠡᠵᠦ ᠲᠣᠳᠣᠷᠬᠠᠶ ᠱᠠᠭ᠋ᠠᠷᠳᠠᠪᠠ᠃   ᠴᠢᠷᠮᠠᠢ᠌ᠯᠭ᠎ᠠ᠎ᠪᠠᠷ ᠳᠠᠮᠵᠢᠨ᠂ 2015 ᠣᠨ᠎ᠤ 11 ᠳ᠋ᠤᠭᠡᠷ ᠰᠠᠷ᠎ᠠ ᠵᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠵᠢᠩᠬᠢᠨᠢ᠎ᠪᠠᠷ ᠨᠡᠪᠲᠡᠷᠡᠨ ᠠᠵᠢᠯᠯᠠᠵᠤ᠂ ᠲᠥᠪ ᠲᠠᠪᠴᠠᠩ᠎ᠲᠠᠢ ᠭᠤᠯᠳᠤ᠎ᠪᠠᠷ ᠨᠡᠪᠲᠡᠷᠡᠯᠴᠡᠬᠥ ᠵᠢ ᠴᠠᠭ ᠲᠤᠬᠠᠶ᠎ᠳᠤᠨᠢ ᠪᠡᠶᠡᠯᠡᠭᠦᠯᠵᠦ᠂ ᠵᠠᠯᠭ᠋ᠠᠬᠤ ᠪᠠ ᠲᠣᠭ᠎ᠠ ᠪᠠᠷᠢᠮᠲᠠ ᠳᠠᠮᠵᠢᠭᠤᠯᠬᠤ ᠵᠢ ᠴᠠᠭ ᠲᠤᠬᠠᠶ᠎ᠳᠤᠨᠢ ᠬᠢᠵᠦ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ ᠲᠠᠪᠴᠠᠩ᠎ᠤᠨ ᠰᠢᠯᠢᠳᠡᠭᠵᠢᠭᠦᠯᠦᠯᠲᠡ᠂ ᠠᠵᠢᠯ᠎ᠤᠨ ᠲᠡᠭᠦᠯᠳᠡᠷᠵᠢᠭᠦᠯᠦᠯᠲᠡ ᠵᠢ 2016 ᠣᠨ᠎ᠤ 6 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠪᠡᠶᠡᠯᠡᠭᠦᠯᠬᠦ ᠬᠡᠷᠡᠭᠲᠡᠶ ᠭᠡᠵᠦ ᠲᠣᠳᠣᠷᠬᠠᠶ ᠱᠠᠭ᠋ᠠᠷᠳᠠᠵᠠᠢ᠃
      ᠬᠥᠲᠥᠯᠥᠭᠴᠢ᠄
      ᠲᠡᠭᠡᠪᠡᠯ ᠲᠠ ᠪᠢᠳᠡᠨ᠎ᠳᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ᠎ᠤᠨ ᠪᠠᠶ᠋ᠢᠭᠤᠯᠤᠯᠲᠠ ᠵᠢᠨ ᠲᠠᠯ᠎ᠠ᠎ᠪᠠᠷ ᠶᠠᠮᠠᠷ ᠶᠠᠮᠠᠷ ᠠᠵᠢᠯ ᠬᠢᠭᠰᠡᠨ᠎ᠢ ᠲᠠᠨᠢᠯᠴᠠᠭᠤᠯᠤᠭ᠋ᠠᠳ ᠥᠭᠭᠦᠨᠡᠦ?
      ᠵᠠᠨᠭ᠌ ᠪᠢᠨ᠄
      ᠪᠢᠳᠡ ᠭᠣᠣᠯᠳᠠᠭᠤ ᠳᠣᠣᠷᠠᠬᠢ ᠠᠵᠢᠯ᠎ᠤᠳ᠎ᠢ ᠪᠡᠶᠡᠯᠡᠭᠦᠯᠦᠭᠰᠡᠨ ᠪᠠᠶ᠋ᠢᠨ᠎ᠠ᠄
      ᠨᠢᠭᠡ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠲᠠᠪᠴᠠᠩ᠎ᠤᠨ ᠪᠠᠶ᠋ᠢᠭᠤᠯᠤᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠪᠡ  
      ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠮᠠᠨ᠎ᠤ ᠣᠷᠣᠨ᠎ᠤ ᠲᠠᠪᠴᠠᠩ᠎ᠤᠨ ᠪᠠᠶ᠋ᠢᠭᠤᠯᠤᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠲᠡᠭᠦᠨ᠎ᠢ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠲᠥᠷᠢᠮ᠎ᠤᠨ ᠥᠭᠡᠷᠡᠴᠢᠯᠡᠯᠲᠡ ᠵᠢᠨ ᠴᠢᠬᠤᠯᠠ ᠨᠢᠭᠡᠨ ᠡᠭᠦᠷᠭᠡ ᠪᠣᠯᠭ᠋ᠠᠨ ᠲᠣᠭᠲᠠᠭ᠋ᠠᠵᠤ᠂ ᠣᠷᠴᠢᠮᠬᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ᠎ᠤᠨ ᠪᠠᠶ᠋ᠢᠭᠤᠯᠤᠯᠲᠠ ᠵᠢᠨ ᠠᠵᠢᠯ᠎ᠤᠨ ᠲᠥᠰᠦᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2015] 120 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠪᠠ᠃   ᠪᠠᠶ᠋ᠢᠩᠭᠤ ᠵᠢᠨ ᠳᠡᠳ᠋ ᠲᠡᠷᠢᠭᠦᠯᠡᠭᠴᠢ ᠹᠦ᠋᠎ᠲᠠᠢ ᠽᠸᠨᠭ᠎ᠠᠴᠠ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠵᠶ᠋ᠠᠷ ᠲᠦᠷᠦᠭᠦᠯᠡᠭᠦᠯᠦᠨ᠂ ᠡᠯ᠎ᠡ ᠬᠣᠯᠪᠤᠭᠳᠠᠯ ᠪᠥᠬᠥᠢ ᠲᠢᠩᠬᠢᠮ ᠲᠣᠪᠴᠢᠶ᠎ᠠ᠂ ᠠᠶ᠋ᠢᠮᠠᠭ ᠬᠤᠳᠠ ᠪᠣᠯᠤᠨ ᠬᠣᠰᠢᠭᠤ ᠰᠢᠶᠠᠨ᠎ᠢ ᠵᠣᠬᠢᠴᠠᠭᠤᠯᠤᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠱᠠᠭ᠋ᠠᠷᠳᠠᠯᠭ᠎ᠠ ᠪᠣᠯᠣᠨ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠮᠠᠨ᠎ᠤ ᠣᠷᠣᠨ᠎ᠤ ᠲᠠᠪᠴᠠᠩ᠎ᠤᠨ ᠪᠠᠶ᠋ᠢᠭᠤᠯᠤᠯᠲᠠ ᠵᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠬᠡᠷᠡᠭᠲᠡᠶ ᠭᠡᠵᠦ ᠲᠣᠳᠣᠷᠬᠠᠶ ᠵᠢᠭ᠋ᠠᠪᠤᠷᠢᠯᠠᠪᠠ᠃
      ᠵᠠᠨᠭ᠌ ᠪᠢᠨ᠄
      ᠬᠣᠶᠠᠷ᠂ ᠲᠠᠪᠴᠠᠩ᠎ᠤᠨ ᠪᠠᠶ᠋ᠢᠭᠤᠯᠤᠯᠲᠠ ᠵᠢ ᠨᠠᠷᠢᠨ ᠨᠢᠮᠪᠠᠶ ᠵᠣᠬᠢᠶᠠᠨ ᠪᠠᠶ᠋ᠢᠭᠤᠯᠵᠤ᠂ ᠵᠠᠩᠭᠢᠶᠠᠰᠤ ᠡᠭᠦᠷᠭᠡ ᠵᠢ ᠤᠷᠤᠭᠰᠢᠲᠠᠶ ᠪᠡᠶᠡᠯᠡᠭᠦᠯᠪᠡ
      ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ 8 ᠳ᠋ᠤᠭ᠋ᠠᠷ ᠰᠠᠷ᠎ᠠ ᠵᠢᠨ 26᠎ᠤ ᠡᠳᠦᠷ ᠬᠤᠪᠸᠢ ᠵᠢᠨ ᠦᠬᠠᠨ᠎ᠳᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ᠎ᠢ ᠭᠤᠯᠳᠤ᠎ᠪᠠᠷ ᠨᠡᠪᠲᠡᠷᠡᠯᠴᠡᠭᠦᠯᠬᠦ ᠠᠵᠢᠯ᠎ᠤᠨ ᠬᠤᠷᠠᠯ ᠬᠤᠷᠠᠯᠳᠤᠭᠤᠯᠪᠠ᠃ ᠬᠤᠷᠠᠯ᠎ᠤᠨ ᠵᠣᠷᠢᠭ ᠰᠠᠨᠠᠭ᠎ᠠ ᠶᠣᠰᠣᠭ᠋ᠠᠷ᠂ ᠮᠠᠨ᠎ᠤ ᠣᠷᠣᠨ ᠠᠵᠢᠯ᠎ᠤᠨ ᠰᠡᠳᠬᠢᠮᠵᠢ᠎ᠪᠠᠨ ᠲᠡᠷᠡ ᠳᠠᠷᠤᠶ᠎ᠳᠤᠨᠢ ᠲᠣᠬᠢᠷᠠᠭᠤᠯᠵᠤ᠂ ᠥᠪᠡᠰᠦᠪᠡᠨ ᠪᠠᠶ᠋ᠢᠭᠤᠯᠬᠤ ᠵᠢ ᠥᠭᠡᠷᠡᠴᠢᠯᠡᠭᠡᠳ ᠬᠤᠪᠸᠢ ᠵᠢᠨ ᠬᠡᠪ ᠮᠠᠶᠢᠭ᠎ᠢ ᠰᠢᠯᠵᠢᠭᠦᠯᠦᠨ ᠠᠰᠢᠭᠯᠠᠬᠤ᠎ᠪᠠᠷ ᠲᠣᠭᠲᠠᠭ᠋ᠠᠵᠠᠢ᠃ ᠲᠠᠪᠴᠠᠩ᠎ᠤᠨ ᠡᠯ᠎ᠡ ᠵᠠᠩᠭᠢᠶᠠᠰᠤ ᠵᠢᠨ ᠪᠥᠳᠥᠭᠡᠨ ᠪᠠᠶ᠋ᠢᠭᠤᠯᠤᠯᠲᠠ ᠵᠢᠨ ᠡᠭᠦᠷᠭᠡ ᠵᠢ ᠤᠷᠤᠭᠰᠢᠲᠠᠶ ᠪᠡᠶᠡᠯᠡᠭᠦᠯᠬᠦ ᠵᠢ ᠦᠨᠡᠨ ᠬᠦ᠌ ᠪᠠᠲᠤᠯᠠᠵᠤ᠂ ᠲᠠᠪᠴᠠᠩ᠎ᠤᠨ ᠪᠠᠢ᠌ᠭᠤᠯᠤᠯᠲᠠ ᠭᠡᠬᠥ ᠪᠡᠷᠬᠡ ᠰᠡᠳᠦᠪ᠎ᠢ ᠰᠢᠢ᠍ᠳᠪᠦᠷᠢᠯᠡᠬᠥ ᠳᠠᠢ᠌ᠯᠠᠯᠳᠤᠭ᠋ᠠᠨ᠎ᠢ ᠰᠠᠢ᠌ᠲᠤᠷ ᠬᠢᠵᠦ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ ᠲᠦᠷᠦᠭᠦᠯᠡᠨ ᠰᠠᠨᠠᠭ᠋ᠠᠴᠢᠯᠠᠭ᠎ᠠ᠎ᠲᠠᠢ᠎ᠪᠠᠷ ᠢᠳᠡᠪᠬᠢᠲᠡᠢ ᠠᠵᠢᠯᠯᠠᠵᠤ᠂ ᠲᠠᠪᠴᠠᠩ ᠪᠠᠶ᠋ᠢᠭᠤᠯᠬᠤ ᠠᠵᠢᠯ᠎ᠢ ᠪᠦᠬᠦ ᠲᠠᠯ᠎ᠠ᠎ᠪᠠᠷ

ᠥᠷᠨᠢᠭᠦᠯᠪᠡ᠃
     (ᠨᠢᠭᠡ) ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠢᠳᠡᠪᠬᠢᠲᠡᠶ᠎ᠪᠠᠷ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠨᠢᠭᠡ ᠲᠠᠯ᠎ᠠ᠎ᠪᠠᠷ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠵᠢᠭ᠋ᠠᠪᠤᠷᠢ ᠠᠪᠴᠤ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠠᠢ ᠵᠣᠬᠢᠴᠠᠭᠤᠯᠤᠨ ᠵᠥᠭᠡᠯᠡᠨ ᠬᠠᠲᠠᠭᠤ ᠬᠡᠷᠡᠭᠰᠡᠯ᠎ᠤᠨ ᠲᠥᠬᠥᠭᠡᠷᠦᠮᠵᠢ ᠵᠢᠨ ᠭᠠᠭᠴᠠ ᠢᠷᠡᠯᠳᠡ᠎ᠠᠴᠠ ᠬᠤᠳᠠᠯᠳᠤᠨ ᠠᠪᠬᠤ ᠪᠠ ᠪᠦᠳᠦᠭᠡᠠ ᠪᠠᠶ᠋ᠢᠭᠤᠯᠤᠯᠲᠠ ᠵᠢᠨ ᠪᠡᠯᠠ ᠮᠥᠩᠭᠥᠨ᠎ᠤ ᠶᠠᠪᠤᠳᠠᠯ᠎ᠢ ᠨᠠᠢ᠌ᠳᠠᠪᠤᠷᠢᠵᠢᠭᠤᠯᠵᠤ᠂ ᠨᠢᠭᠡ ᠲᠠᠯ᠎ᠠ᠎ᠪᠠᠷ ᠲᠠᠪᠴᠠᠩ᠎ᠢ ᠳᠠᠭ᠋ᠠᠭ᠋ᠠᠴᠢᠯᠠᠨ ᠪᠠᠶ᠋ᠢᠭᠤᠯᠵᠤ ᠪᠠᠶ᠋ᠢᠭ᠎ᠠ ᠨᠢᠭᠡᠴᠡ᠎ᠲᠠᠢ ᠵᠣᠬᠢᠴᠠᠭᠤᠯᠤᠨ ᠤᠷᠢᠳᠠᠪᠠᠷ ᠪᠡᠯᠡ ᠮᠥᠩᠭᠥ ᠪᠠ ᠲᠥᠬᠥᠭᠡᠷᠦᠮᠵᠢ ᠣᠷᠣᠯᠠᠨ ᠥᠭᠬᠦ᠎ᠪᠠᠷ ᠮᠠᠨ᠎ᠤ ᠣᠷᠣᠨ᠎ᠤ ᠲᠠᠪᠴᠠᠩ᠎ᠤᠨ ᠪᠠᠶ᠋ᠢᠭᠤᠯᠤᠯᠲᠠ ᠵᠢᠨ ᠠᠵᠢᠯ᠎ᠢ ᠳᠡᠮᠵᠢᠭᠦᠯᠪᠡ᠃ ᠡᠭᠦᠨ᠎ᠤ ᠬᠠᠮᠲᠤ ᠠᠵᠢᠯ᠎ᠤᠨ ᠬᠦᠴᠦᠨ ᠵᠶ᠋ᠡᠨ ᠲᠥᠪᠯᠡᠷᠡᠭᠦᠯᠦᠨ ᠲᠠᠪᠴᠠᠩ᠎ᠤᠨ ᠪᠠᠶ᠋ᠢᠭᠤᠯᠤᠯᠲᠠ ᠵᠢ ᠢᠳᠡᠪᠬᠢᠲᠡᠶ ᠲᠦᠯᠬᠢᠨ ᠠᠬᠢᠭᠤᠯᠵᠤ᠂ ᠠᠯᠢ ᠣᠯᠠᠨ ᠪᠠᠶ᠋ᠢᠴᠠᠭ᠋ᠠᠨ ᠰᠤᠳᠤᠯᠤᠯᠲᠠ᠂ ᠵᠣᠬᠢᠴᠠᠭᠤᠯᠭ᠎ᠠ᠂ ᠡᠯ᠎ᠡ ᠰᠠᠯᠠᠭ᠎ᠠ ᠮᠥᠴᠢᠷ᠎ᠤᠨ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ ᠵᠢ ᠡᠮᠬᠢᠯᠡᠬᠦ ᠪᠠ ᠮᠡᠷᠭᠡᠵᠢᠯ᠎ᠤᠨ ᠲᠣᠬᠢᠷᠠᠭᠤᠯᠤᠨ ᠲᠤᠷᠰᠢᠬᠤ ᠵᠡᠷᠭᠡ ᠠᠵᠢᠯ᠎ᠢ ᠥᠷᠨᠢᠭᠦᠯᠪᠡ᠃
     (ᠬᠣᠶᠠᠷ) ᠡᠯ᠎ᠡ ᠵᠦᠢ᠍ᠯ᠎ᠤᠨ ᠪᠥᠳᠥᠭᠡᠨ ᠪᠠᠶ᠋ᠢᠭᠤᠯᠤᠯᠲᠠ ᠵᠢᠨ ᠠᠭᠤᠯᠭ᠎ᠠ ᠵᠢ ᠠᠯᠬᠤᠮ ᠠᠯᠬᠤᠮ ᠵᠶ᠋ᠠᠷ ᠨᠠᠢ᠌ᠳᠠᠪᠤᠷᠢᠵᠢᠭᠤᠯᠪᠠ᠃ 2015 ᠣᠨ᠎ᠤ 11 ᠳ᠋ᠦ᠍ᠭᠡᠷ ᠰᠠᠷ᠎ᠠ ᠵᠢᠨ 10᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠠᠴᠠ ᠤᠯᠤᠰ᠎ᠤᠨ ᠭᠠᠵᠠᠷ ᠰᠢᠷᠤᠢ ᠵᠢᠨ ᠡᠬᠢ ᠪᠠᠶᠠᠯᠢᠭ᠎ᠤᠨ ᠲᠢᠩᠬᠢᠮ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠂ ᠣᠷᠣᠨ ᠰᠠᠭᠤᠴᠠ ᠪᠣᠯᠤᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ (ᠲᠥᠯᠥᠪᠵᠢᠭᠦᠯᠭᠡ) ᠵᠡᠷᠭᠡ 18 ᠬᠠᠮᠲᠤᠷᠠᠨ ᠬᠢᠨᠠᠬᠤ ᠨᠢᠭᠡᠴᠡ ᠵᠢ ᠴᠤᠭᠯᠠᠭᠤᠯᠤᠨ ᠲᠠᠪᠴᠠᠩ᠎ᠤᠨ ᠪᠠᠶ᠋ᠢᠭᠤᠯᠤᠯᠲᠠ ᠵᠢᠨ ᠠᠵᠢᠯ᠎ᠢ ᠡᠬᠢᠯᠡᠭᠦᠯᠵᠦ᠂ ᠰᠠᠯᠠᠭ᠎ᠠ ᠮᠥᠴᠢᠷ᠎ᠤᠨ ᠬᠣᠭᠣᠷᠣᠨᠳᠣᠬᠢ ᠬᠣᠯᠪᠣᠭ᠎ᠠ ᠠᠪᠬᠤ ᠲᠣᠭᠲᠠᠴᠠ ᠵᠢ ᠪᠤᠢ ᠪᠣᠯᠭ᠋ᠠᠪᠠ᠃ 11᠎ᠤ ᠡᠳᠦᠷ᠎ᠠᠴᠠ 15᠎ᠤ ᠡᠳᠦᠷ ᠪᠣᠯᠲᠠᠯ᠎ᠠ ᠡᠯ᠎ᠡ ᠰᠠᠯᠠᠭ᠎ᠠ ᠮᠥᠴᠢᠷ᠎ᠤᠨ ᠬᠦᠴᠦ᠎ᠪᠠᠨ ᠨᠢᠭᠡᠳᠬᠡᠨ ᠬᠠᠮᠵᠢᠯᠴᠠᠬᠤ᠎ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠬᠠᠮᠲᠤᠷᠠᠨ ᠬᠢᠨᠠᠬᠤ ᠰᠠᠯᠠᠭ᠎ᠠ ᠮᠥᠴᠢᠷ᠎ᠤᠨ ᠬᠢᠨᠠᠨ ᠵᠥᠪᠰᠢᠶᠡᠷᠡᠬᠦ ᠵᠦᠢ᠍ᠯᠡᠰ᠎ᠤᠨ ᠡᠮᠬᠢᠯᠡᠬᠦ ᠠᠵᠢᠯ᠎ᠢ ᠪᠡᠶᠡᠯᠡᠭᠦᠯᠵᠦ᠂ ᠨᠡᠢ᠍ᠢ᠍ᠳᠡ 129 ᠵᠦᠢ᠍ᠯ᠎ᠤᠨ ᠬᠢᠨᠠᠨ ᠵᠥᠪᠰᠢᠶᠡᠷᠡᠬᠦ ᠤᠴᠢᠷ ᠶᠠᠪᠤᠳᠠᠯ᠎ᠢ ᠡᠮᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠰᠠᠯᠠᠭ᠎ᠠ ᠮᠥᠴᠢᠷ᠎ᠤᠨ ᠬᠣᠭᠣᠷᠣᠨᠳᠣ 《ᠬᠥᠨᠳᠡᠯᠡᠨ ᠵᠶ᠋ᠡᠷ ᠬᠣᠯᠪᠣᠭ᠋ᠠᠯᠠᠬᠤ》 ᠵᠢ ᠪᠡᠶᠡᠯᠡᠭᠦᠯᠪᠡ᠃
      ᠪᠦᠬᠦ ᠠᠵᠢᠯᠲᠠᠳ᠎ᠤᠨ ᠴᠠᠭ ᠨᠡᠮᠡᠵᠦ ᠴᠠᠭ ᠵᠶ᠋ᠡᠨ ᠤᠷᠲᠤᠳᠬᠠᠨ ᠦᠷᠭᠦᠯᠵᠢᠯᠡᠨ ᠪᠠᠢ᠌ᠯᠳᠤᠬᠤ᠎ᠪᠠᠷ ᠳᠠᠮᠵᠢᠭ᠋ᠠᠳ᠂ ᠡᠴᠦᠰ᠎ᠲᠡᠭᠡᠨ 11 ᠳ᠋ᠦ᠍ᠭᠡᠷ ᠰᠠᠷ᠎ᠠ ᠵᠢᠨ 26᠎ᠤ ᠡᠳᠦᠷ᠎ᠤᠨ 20 ᠴᠠᠭ᠎ᠲᠤ᠂ ᠥᠪᠡᠷᠲᠡᠭᠡᠨ ᠵᠠᠰᠠᠬᠤ ᠣᠷᠣᠨ᠎ᠤ ᠪᠡᠯᠡ ᠣᠷᠣᠭᠤᠯᠤᠯᠲᠠ ᠵᠢᠨ ᠵᠦᠢ᠍ᠯᠡᠰ᠎ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ᠎ᠢ ᠲᠤᠷᠰᠢᠨ ᠦᠵᠡᠬᠦ ᠣᠷᠴᠢᠨ ᠲᠣᠭᠣᠷᠢᠨ᠎ᠠᠴᠠ ᠦᠢ᠍ᠯᠡᠳᠪᠦᠷᠢᠯᠡᠯ᠎ᠤᠨ ᠣᠷᠴᠢᠨ ᠲᠣᠭᠣᠷᠢᠨ᠎ᠳᠤ ᠰᠢᠯᠵᠢᠭᠦᠯᠵᠦ᠂ 27᠎ᠤ ᠡᠳᠦᠷ᠎ᠤᠨ ᠣᠷᠣᠢ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠪᠠ ᠮᠡᠳᠡᠭᠡ ᠵᠠᠩᠭᠢ ᠵᠢᠨ ᠲᠥᠪ᠎ᠠᠴᠠ ᠨᠤᠲᠠᠯᠠᠨ ᠲᠣᠭᠲᠠᠭ᠋ᠠᠭᠰᠠᠨ᠎ᠨᠢ᠂ ᠮᠠᠨ᠎ᠤ ᠣᠷᠣᠨ᠎ᠤ ᠲᠠᠪᠴᠠᠩ᠎ᠤᠨ ᠪᠠᠶ᠋ᠢᠭᠤᠯᠤᠯᠲᠠ ᠪᠡᠶᠡᠯᠡᠭᠳᠡᠭᠰᠡᠨ᠎ᠢ ᠬᠠᠷᠠᠭᠤᠯᠵᠤ᠂ ᠨᠢᠭᠤᠴᠠ᠎ᠳᠤ ᠬᠣᠯᠪᠣᠭᠳᠠᠬᠤ ᠦᠭᠡᠢ ᠪᠡᠯᠡ ᠣᠷᠣᠭᠤᠯᠤᠯᠲᠠ ᠵᠢᠨ ᠵᠦᠢ᠍ᠯᠡᠰ᠎ᠢ ᠲᠠᠪᠴᠠᠩ ᠳᠡᠭᠡᠷ᠎ᠡ ᠰᠦᠯᠵᠢᠶ᠎ᠡ᠎ᠪᠠᠷ ᠬᠢᠨᠠᠨ ᠵᠥᠪᠰᠢᠶᠡᠷᠡᠬᠦ ᠵᠢ ᠲᠤᠷᠰᠢᠨ ᠬᠡᠷᠡᠭᠵᠢᠭᠦᠯᠪᠡ᠃
      ᠵᠠᠩ ᠪᠢᠨ᠄
     (ᠭᠤᠷᠪᠠ) ᠬᠠᠮᠲᠤᠷᠠᠨ ᠬᠢᠨᠠᠬᠤ ᠠᠵᠢᠯᠳᠠᠨ᠎ᠤ ᠪᠣᠯᠪᠠᠰᠤᠷᠠᠭᠤᠯᠤᠯ᠎ᠢ ᠵᠣᠬᠢᠶᠠᠨ ᠪᠠᠢ᠌ᠭᠤᠯᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠵᠢᠭ᠋ᠠᠪᠤᠷᠢ ᠠᠪᠴᠦ ᠵᠥᠪᠰᠢᠶᠡᠷᠡᠭᠦᠯᠦᠭᠡᠳ᠂ ᠡᠯ᠎ᠡ ᠬᠠᠮᠲᠤᠷᠠᠨ ᠬᠢᠨᠠᠬᠤ ᠰᠠᠯᠠᠭ᠎ᠠ ᠮᠥᠴᠢᠷ᠎ᠠᠴᠠ ᠲᠤᠬᠠᠶ᠋ᠢᠯᠠᠭᠰᠠᠨ ᠠᠵᠢᠯ᠎ᠤᠨ ᠠᠵᠢᠯᠲᠠᠳ᠎ᠲᠤ ᠲᠠᠪᠴᠠᠩ᠎ᠤᠨ ᠠᠵᠢᠯᠯᠠᠭ᠎ᠠ ᠵᠢ ᠲᠦᠷᠭᠡᠬᠡᠨ ᠡᠵᠡᠮᠰᠢᠭᠦᠯᠵᠦ᠂ ᠠᠵᠢᠯ ᠵᠶ᠋ᠠᠨ ᠨᠡᠩ ᠰᠠᠢ᠍ᠢ᠍ᠨ ᠥᠷᠨᠢᠭᠦᠯᠬᠦ᠎ᠳᠤ ᠳᠥᠭᠥᠮ ᠦᠵᠡᠭᠦᠯᠵᠦ᠂ ᠲᠠᠪᠴᠠᠩ᠎ᠤᠨ ᠲᠣᠭᠲᠠᠭᠤᠨ ᠵᠶ᠋ᠠᠷ ᠠᠵᠢᠯᠯᠠᠬᠤ ᠵᠢ ᠦᠨᠡᠨ ᠬᠦ᠌ ᠪᠠᠲᠤᠯᠠᠬᠤ ᠵᠢᠨ ᠲᠤᠰᠠᠳᠠ᠂ 12 ᠳ᠋ᠤᠭ᠋ᠠᠷ ᠰᠠᠷ᠎ᠠ ᠵᠢᠨ 21᠎ᠤ ᠡᠳᠦᠷ᠎ᠠᠴᠠ 28᠎ᠤ ᠡᠳᠦᠷ ᠪᠣᠯᠲᠠᠯ᠎ᠠ᠂ ᠪᠥᠬᠥ ᠣᠷᠣᠨ᠎ᠤ ᠡᠯ᠎ᠡ ᠬᠠᠮᠲᠤᠷᠠᠨ ᠬᠢᠨᠠᠬᠤ ᠰᠠᠯᠠᠭ᠎ᠠ ᠮᠥᠴᠢᠷ᠎ᠤᠨ ᠲᠤᠬᠠᠶ᠋ᠢᠯᠠᠭᠰᠠᠨ ᠠᠵᠢᠯ᠎ᠤᠨ 2221 ᠠᠵᠢᠯᠲᠠᠳ᠎ᠢ ᠵᠣᠬᠢᠶᠠᠨ ᠪᠠᠢ᠌ᠭᠤᠯᠤᠨ ᠪᠣᠯᠪᠠᠰᠤᠷᠠᠭᠤᠯᠪᠠ᠃ ᠡᠭᠦᠨ᠎ᠤ ᠬᠠᠮᠲᠤ ᠡᠯ᠎ᠡ ᠠᠶ᠋ᠢᠮᠠᠭ ᠬᠣᠲᠠ ᠬᠣᠰᠢᠭᠤ ᠰᠢᠶᠠᠨ᠎ᠤ ᠬᠢᠨᠠᠨ ᠵᠥᠪᠰᠢᠶᠡᠷᠡᠬᠦ ᠤᠴᠢᠷ ᠶᠠᠪᠤᠳᠠᠯ᠎ᠤᠨ ᠬᠦᠰᠦᠨᠦᠭᠲᠦ ᠪᠠ ᠮᠡᠳᠡᠭᠡ ᠵᠠᠩᠭᠢ ᠵᠢ ᠢᠯᠡ ᠪᠣᠯᠭ᠋ᠠᠬᠤ ᠬᠦᠰᠦᠨᠦᠭᠲᠦ ᠵᠢ ᠴᠤᠭᠯᠠᠭᠤᠯᠵᠤ᠂ ᠣᠳᠣᠬᠠᠨ᠎ᠳᠤ ᠪᠣᠯᠲᠠᠯ᠎ᠠ ᠪᠦᠬᠦ ᠣᠷᠣᠨ᠎ᠤ ᠬᠠᠭ᠋ᠠᠰ ᠢᠯᠡᠭᠦᠦ ᠬᠠᠮᠲᠤᠷᠠᠨ ᠬᠢᠨᠠᠬᠤ ᠰᠠᠯᠠᠭ᠎ᠠ ᠮᠥᠴᠢᠷ᠎ᠢ ᠨᠢᠭᠡᠨᠲᠡ ᠨᠤᠲᠠᠯᠠᠨ ᠲᠣᠭᠲᠠᠭ᠋ᠠᠵᠤ᠂ ᠪᠤᠰᠤᠳ ᠰᠠᠯᠠᠭ᠎ᠠ ᠮᠥᠴᠢᠷ ᠴᠤ᠌ ᠵᠠᠯᠭ᠋ᠠᠭ᠋ᠠᠪᠡᠷ ᠳᠡᠭᠡᠭᠰᠢ ᠮᠡᠳᠡᠭᠦᠯᠵᠦ ᠪᠤᠢ᠃
     (ᠲᠦᠷᠪᠡ) ᠲᠠᠪᠴᠠᠩ᠎ᠤᠨ ᠠᠵᠢᠯᠯᠠᠭ᠎ᠠ ᠲᠣᠭᠲᠠᠭᠤᠨ ᠪᠥᠭᠡᠳ ᠤᠷᠤᠭᠰᠢᠲᠠᠶ ᠪᠠᠢ᠌ᠨ᠎ᠠ᠃ ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠪᠴᠠᠩ᠎ᠤᠨ ᠭᠣᠣᠯ ᠴᠣᠭᠴᠠ ᠵᠢᠨ ᠢᠨᠵᠧᠨᠧᠷᠢᠩ᠎ᠤᠨ ᠪᠠᠶ᠋ᠢᠭᠤᠯᠤᠯᠲᠠ ᠵᠢᠨ ᠠᠵᠢᠯ᠎ᠢ ᠨᠢᠭᠡᠨᠲᠡ ᠪᠡᠶᠡᠯᠡᠭᠦᠯᠵᠦ᠂ ᠥᠪᠡᠷᠲᠡᠭᠡᠨ ᠵᠠᠰᠠᠭ ᠣᠷᠣᠨ᠎ᠤ ᠡᠯᠧᠺᠲᠷᠣᠨ ᠵᠠᠰᠠᠭ᠎ᠤᠨ ᠶᠠᠪᠤᠳᠠᠯ᠎ᠤᠨ ᠭᠠᠳᠠᠷ ᠰᠦᠯᠵᠢᠶ᠎ᠡ ᠥᠪᠡᠷᠲᠡᠭᠡᠨ ᠵᠠᠰᠠᠬᠤ ᠣᠷᠣᠨ᠎ᠤ 18 ᠰᠠᠯᠠᠭ᠎ᠠ ᠮᠥᠴᠢᠷ᠂ 14 ᠠᠶ᠋ᠢᠮᠠᠭ ᠬᠤᠳᠠ᠂ 102 ᠬᠣᠰᠢᠭᠤ ᠰᠢᠶᠠᠨ ᠲᠣᠭᠣᠷᠢᠭ᠎ᠲᠠᠢ ᠬᠣᠯᠪᠣᠭ᠋ᠠᠯᠠᠨ᠂ ᠨᠢᠭᠤᠴᠠ᠎ᠳᠤ ᠬᠣᠯᠪᠣᠭᠳᠠᠬᠤ ᠦᠭᠡᠢ ᠪᠡᠯᠡ ᠣᠷᠣᠭᠤᠯᠤᠯᠲᠠ ᠵᠢᠨ ᠵᠦᠢ᠍ᠯᠡᠰ᠎ᠤᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠬᠠᠮᠲᠤᠷᠠᠨ ᠬᠢᠨᠠᠨ ᠵᠥᠪᠰᠢᠶᠡᠷᠡᠬᠦ ᠵᠢ ᠠᠩᠬ᠎ᠠ ᠠᠯᠬᠤᠮ ᠪᠡᠶᠡᠯᠡᠭᠦᠯᠪᠡ᠃
      ᠥᠨᠥᠳᠦᠷ ᠪᠣᠯᠲᠠᠯ᠎ᠠ᠂ 50 ᠲᠥᠷᠥᠯ ᠵᠦᠢ᠍ᠯ᠎ᠤᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠠᠵᠢᠯ᠎ᠢ ᠨᠢᠭᠡᠨᠲᠡ ᠪᠡᠶᠡᠯᠡᠭᠦᠯᠵᠦ᠂ ᠲᠠᠪᠴᠠᠩ᠎ᠤᠨ ᠡᠷᠭᠢᠯᠲᠡ ᠵᠢᠨ ᠪᠠᠶ᠋ᠢᠳᠠᠯ ᠲᠣᠭᠲᠠᠭᠤᠨ ᠪᠠᠶ᠋ᠢᠨ᠎ᠠ᠃
      ᠬᠥᠲᠥᠯᠥᠭᠴᠢ᠄
      ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ᠎ᠤᠨ ᠰᠠᠶ᠋ᠢᠬᠠᠨ ᠠᠵᠢᠯᠯᠠᠬᠤ ᠪᠣᠯᠣᠭᠰᠠᠨ᠎ᠨᠢ ᠤᠯᠠᠨ ᠲᠠᠯ᠎ᠠ ᠵᠢᠨ ᠰᠠᠢ᠍ᠢ᠍ᠨ ᠦᠢ᠍ᠯᠡᠳᠦᠯ ᠭᠠᠷᠭ᠋ᠠᠵᠠᠢ᠂ ᠠᠯᠢ ᠠᠯᠢ ᠲᠠᠯ᠎ᠠ᠎ᠪᠠᠷ ᠢᠯᠡᠷᠡᠵᠦ ᠪᠠᠢ᠌ᠬᠤ ᠵᠢ ᠲᠠ ᠪᠢᠳᠡᠨ᠎ᠳᠤ ᠪᠣᠳᠠᠲᠠᠶ ᠶᠠᠷᠢᠭ᠋ᠠᠳ ᠥᠭᠭᠦᠨ᠎ᠡ ᠤᠤ?
      ᠵᠠᠩ ᠪᠢᠨ᠄
      ᠡᠳᠡᠭᠡᠷ ᠰᠠᠢ᠍ᠢ᠍ᠨ ᠦᠢ᠍ᠯᠡᠳᠦᠯ ᠭᠡᠪᠡᠯ᠄ (ᠨᠢᠭᠡ) ᠬᠢᠨᠠᠨ ᠵᠥᠪᠰᠢᠶᠡᠷᠡᠬᠦ ᠶᠠᠪᠤᠴᠠ ᠵᠢ ᠰᠠᠶ᠋ᠢᠵᠢᠷᠠᠭᠤᠯᠵᠤ᠂ ᠬᠢᠨᠠᠨ ᠵᠥᠪᠰᠢᠶᠡᠷᠡᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠪᠠ᠃ ᠲᠠᠪᠴᠠᠩ᠎ᠢ ᠪᠦᠳᠦᠭᠡᠨ ᠪᠠᠢ᠌ᠭᠤᠯᠬᠤ ᠶᠠᠪᠤᠴᠠ ᠳᠤᠮᠳᠠ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠬᠣᠯᠪᠣᠭᠳᠠᠯ ᠪᠦᠬᠦᠢ ᠬᠢᠨᠠᠨ ᠵᠥᠪᠰᠢᠶᠡᠷᠡᠬᠦ ᠤᠴᠢᠷ ᠶᠠᠪᠤᠳᠠᠯ᠎ᠢ ᠡᠮᠬᠢᠯᠡᠵᠦ᠂ ᠠᠳᠠᠯᠢ ᠨᠢᠭᠡᠨ ᠱᠠᠳᠤ᠂ ᠠᠳᠠᠯᠢ ᠨᠢᠭᠡ ᠰᠠᠯᠠᠭ᠎ᠠ ᠮᠥᠴᠢᠷ᠎ᠠᠴᠠ ᠣᠯᠠᠨᠲᠠ ᠬᠢᠨᠠᠨ ᠵᠥᠪᠰᠢᠶᠡᠷᠡᠬᠦ ᠵᠦᠢ᠍ᠯᠡᠰ᠎ᠢ ᠡᠮᠬᠢᠯᠡᠨ ᠨᠡᠶ᠋ᠢᠯᠡᠭᠦᠯᠵᠦ᠂ 《ᠨᠢᠭᠡ ᠴᠣᠩᠬᠣ᠎ᠪᠠᠷ ᠬᠦᠯᠢᠶᠡᠨ ᠠᠪᠴᠤ᠂ ᠨᠡᠶ᠋ᠢᠯᠡᠭᠦᠯᠦᠨ ᠰᠢᠢ᠍ᠳᠪᠦᠷᠢᠯᠡᠬᠦ ᠵᠢ ᠪᠡᠶᠡᠯᠡᠭᠦᠯᠵᠡᠢ᠃ ᠨᠢᠭᠡ ᠵᠦᠢ᠍ᠯ᠎ᠳᠤ ᠨᠢᠭᠡ ᠨᠣᠮᠸᠷ᠂ ᠨᠢᠭᠡ ᠬᠦᠰᠦᠨᠦᠭᠲᠦ᠎ᠪᠠᠷ ᠳᠠᠮᠵᠢᠭᠤᠯᠵᠤ᠂ ᠬᠤᠭᠤᠴᠠᠭ᠋ᠠᠯᠠᠨ ᠰᠢᠢ᠍ᠳᠪᠦᠷᠢᠯᠡᠵᠦ᠂ ᠮᠡᠳᠡᠭᠡ ᠵᠠᠩᠭᠢ ᠵᠢ ᠬᠠᠮᠲᠤᠪᠠᠷ ᠡᠳ᠋ᠯᠡᠨ᠎ᠡ᠃ ᠬᠠᠷᠢᠭᠤᠴᠠᠯᠭ᠎ᠠ ᠶᠣᠰᠣᠭ᠋ᠠᠷ ᠬᠢᠨᠠᠨ ᠬᠠᠮᠢᠶᠠᠷᠴᠤ᠂ ᠡᠯᠧᠺᠲᠷᠣᠨ ᠵᠶ᠋ᠠᠷ ᠬᠢᠨᠠᠨ ᠪᠠᠢ᠌ᠴᠠᠭ᠋ᠠᠬᠤ》 ᠵᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠳᠠ᠂ ᠬᠣᠰᠢᠭᠤ ᠰᠢᠶᠠᠨ ᠭᠤᠷᠪᠠᠨ ᠱᠠᠲᠤᠨ᠎ᠤ ᠵᠠᠰᠠᠭ᠎ᠤᠨ ᠣᠷᠳᠣᠨ᠎ᠤ ᠡᠯ᠎ᠡ ᠬᠣᠯᠪᠣᠭᠳᠠᠯ ᠪᠥᠬᠥᠢ ᠰᠠᠯᠠᠭ᠎ᠠ ᠮᠥᠴᠢᠷ᠎ᠤᠨ ᠲᠤᠬᠠᠶ᠋ᠢᠯᠠᠭᠰᠠᠨ ᠠᠵᠢᠯ᠎ᠤᠨ ᠬᠠᠮᠵᠢᠯᠴᠠᠭ᠎ᠠ᠂ ᠰᠦᠯᠵᠢᠶᠡᠨ ᠳᠡᠭᠡᠷ᠎ᠡ ᠬᠢᠨᠠᠨ ᠬᠠᠮᠢᠶᠠᠷᠬᠤ ᠵᠢ ᠪᠡᠶᠡᠯᠡᠭᠦᠯᠪᠡ᠃ ᠲᠦᠭᠦᠮ ᠵᠶ᠋ᠠᠷ ᠬᠡᠯᠡᠪᠡᠯ᠂ ᠮᠠᠨ᠎ᠤ ᠣᠷᠣᠨ᠎ᠤ ᠲᠠᠪᠴᠠᠩ᠎ᠤᠨ ᠪᠠᠶ᠋ᠢᠭᠤᠯᠤᠯᠲᠠ ᠪᠣᠯ ᠳᠠᠷᠤᠶ ᠢᠨᠲᠸᠷ ᠰᠦᠯᠵᠢᠶ᠎ᠡ ᠵᠢ ᠲᠦᠰᠢᠭᠯᠡᠨ ᠲᠠᠪᠴᠠᠩ᠎ᠤᠨ ᠦᠢ᠍ᠯᠡᠴᠢᠯᠡᠭᠡᠨ᠎ᠤ ᠴᠣᠩᠬᠣ ᠪᠠᠶ᠋ᠢᠭᠤᠯᠵᠤ᠂ ᠨᠢᠭᠤᠴᠠ᠎ᠳᠤ ᠬᠣᠯᠪᠣᠭᠳᠠᠬᠤ ᠦᠭᠡᠢ ᠪᠡᠯᠡ ᠣᠷᠣᠭᠤᠯᠤᠯᠲᠠ ᠵᠢᠨ ᠬᠢᠨᠠᠨ ᠵᠥᠪᠰᠢᠶᠡᠷᠡᠬᠦ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ᠂ ᠳᠠᠩᠰᠠᠯᠠᠭᠤᠯᠵᠤ ᠭᠤᠶᠤᠴᠢᠯᠠᠬᠤ ᠵᠢ ᠨᠢᠭᠡᠳᠦᠯᠲᠡᠶ ᠬᠦᠯᠢᠶᠡᠨ ᠰᠢᠢ᠍ᠳᠪᠦᠷᠢᠯᠡᠵᠦ᠂ ᠬᠣᠯᠪᠣᠭᠳᠠᠯ ᠪᠦᠬᠦᠢ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠰᠠᠯᠠᠭ᠎ᠠ ᠮᠥᠴᠢᠷ᠎ᠤᠳ ᠵᠠᠰᠠᠭ᠎ᠤᠨ ᠶᠠᠪᠤᠳᠠᠯ᠎ᠤᠨ ᠭᠠᠳᠠᠷ ᠰᠦᠯᠵᠢᠶ᠎ᠡ ᠵᠢ ᠲᠦᠰᠢᠭᠯᠡᠨ ᠬᠠᠮᠲᠤᠷᠠᠨ ᠬᠢᠨᠠᠨ ᠵᠥᠪᠰᠢᠶᠡᠷᠡᠬᠦ ᠰᠢᠰᠲ᠋ᠧᠮ᠎ᠲᠠᠢ ᠨᠡᠢ᠌ᠯᠡᠭᠦᠯᠦᠨ ᠬᠠᠮᠲᠤᠷᠠᠨ ᠬᠢᠨᠠᠨ ᠵᠥᠪᠰᠢᠶᠡᠷᠡᠬᠦ ᠠᠵᠢᠯ᠎ᠢ ᠢᠵᠢᠯᠢ ᠠᠯᠬᠤᠮ ᠵᠶ᠋ᠠᠷ ᠥᠷᠨᠢᠭᠦᠯᠬᠦ ᠪᠣᠯᠣᠨ᠎ᠠ᠃
      ᠵᠠᠩ ᠪᠢᠨ  ᠄
     (ᠬᠣᠶᠠᠷ) ᠠᠵᠤ ᠠᠬᠤᠶ᠋ᠢᠯᠠᠯ᠎ᠤᠨ ᠭᠤᠶᠤᠴᠢᠯᠠᠯ ᠮᠡᠳᠡᠭᠦᠯᠬᠦ᠎ᠳᠤ ᠳᠥᠭᠥᠮ ᠦᠵᠡᠭᠦᠯᠵᠦ᠂ ᠵᠠᠰᠠᠭ᠎ᠤᠨ ᠣᠷᠳᠣᠨ᠎ᠤ ᠦᠢ᠍ᠯᠡᠴᠢᠯᠡᠭᠡ ᠵᠢ ᠰᠢᠯᠢᠳᠡᠭᠵᠢᠭᠦᠯᠪᠡ᠃ ᠰᠦᠯᠵᠢᠶᠡᠨ ᠳᠡᠭᠡᠷ᠎ᠡ ᠳᠠᠩᠰᠠᠯᠠᠬᠤ᠂ ᠭᠦᠢ᠍ᠴᠡᠳᠬᠡᠬᠦ᠂ 《ᠨᠢᠭᠡ ᠥᠷᠲᠡᠭᠡᠯᠢᠭ᠎ᠤᠨ ᠦᠢ᠍ᠯᠡᠴᠢᠯᠡᠭᠡ》 ᠵᠢᠨ ᠬᠢᠨᠠᠯᠲᠠ ᠲᠠᠯᠪᠢᠬᠤ ᠲᠠᠪᠴᠠᠩ ᠬᠠᠩᠭ᠋ᠠᠪᠠ᠃ ᠠᠵᠤ ᠠᠬᠤᠶ᠋ᠢᠯᠠᠯ ᠲᠥᠷᠥᠯ ᠵᠦᠢ᠍ᠯ ᠵᠶ᠋ᠡᠨ ᠲᠠᠪᠴᠠᠩ ᠳᠡᠭᠡᠷ᠎ᠡ ᠳᠠᠩᠰᠠᠯᠠᠬᠤ᠂ ᠠᠵᠢᠯ ᠭᠦᠢ᠍ᠴᠡᠳᠬᠡᠬᠦ ᠵᠦᠭᠯᠡᠭᠦᠷ᠎ᠢ ᠰᠢᠯᠵᠢᠭᠦᠯᠦᠨ ᠤᠩᠰᠢᠬᠤ ᠵᠢ ᠬᠡᠵᠢᠶ᠎ᠡ ᠭᠡᠳ ᠬᠢᠵᠦ ᠪᠣᠯᠣᠨ᠎ᠠ᠂   ᠴᠤᠷ᠎ᠤᠨ ᠭᠠᠭᠴᠠ ᠲᠥᠷᠥᠯ ᠵᠦᠢ᠍ᠯ᠎ᠤᠨ ᠺᠣᠳ᠋᠎ᠢ ᠦᠨᠳᠦᠰᠦᠯᠡᠨ ᠠᠬᠢᠴᠠ ᠵᠢᠨ ᠪᠠᠢ᠌ᠳᠠᠯ᠎ᠢ ᠮᠡᠳᠡᠵᠦ ᠪᠣᠯᠣᠨ᠎ᠠ᠂ ᠲᠠᠪᠴᠠᠩ ᠠᠵᠤ ᠠᠬᠤᠶ᠋ᠢᠯᠠᠯ᠎ᠤᠨ ᠬᠠᠮᠢᠶ᠎ᠠ ᠪᠦᠬᠦᠢ ᠠᠬᠢᠴᠠ ᠵᠢᠨ ᠪᠠᠶ᠋ᠢᠳᠠᠯ᠎ᠢ ᠰᠠᠨᠠᠭ᠋ᠠᠴᠢᠯᠠᠭ᠎ᠠ᠎ᠲᠠᠢ᠎ᠪᠠᠷ ᠠᠵᠤ ᠠᠬᠤᠢ᠌ᠯᠠᠯ᠎ᠳᠤ ᠮᠡᠳᠡᠭᠳᠡᠨ᠎ᠡ᠃ ᠲᠠᠪᠴᠠᠩ᠎ᠠᠴᠠ ᠲᠥᠷᠥᠯ ᠵᠦᠢ᠍ᠯ ᠨᠢᠭᠡᠪᠦᠷᠢ᠎ᠳᠤ ᠴᠣᠷ᠎ᠤᠨ ᠭᠠᠭᠴᠠ ᠺᠣᠳ᠋ ᠣᠯᠭᠣᠵᠤ᠂ ᠲᠥᠷᠥᠯ ᠵᠦᠢ᠍ᠯ᠎ᠤᠨ ᠪᠦᠬᠦ ᠶᠠᠪᠤᠴᠠ ᠵᠢ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ᠎ᠳᠤ ᠬᠡᠷᠡᠭᠯᠡᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠣᠭᠲᠠᠭ᠋ᠠᠭᠰᠠᠨ ᠱᠠᠭ᠋ᠠᠷᠳᠠᠯᠭ᠎ᠠ ᠪᠦᠬᠦᠢ ᠴᠠᠭ᠎ᠤᠨ ᠬᠢᠵᠠᠭ᠋ᠠᠷ ᠳᠣᠲᠣᠷ᠎ᠠ ᠬᠢᠨᠠᠨ ᠵᠥᠪᠰᠢᠶᠡᠷᠡᠬᠦ ᠲᠤᠬᠠᠶ ᠰᠠᠨᠠᠯ ᠳᠤᠷᠠᠳᠴᠤ᠂ ᠲᠠᠪᠴᠠᠩ᠎ᠨᠢ ᠲᠥᠷᠥᠯ ᠵᠦᠢ᠍ᠯ᠎ᠢ ᠰᠢᠢ᠍ᠳᠪᠦᠷᠢᠯᠡᠵᠦ ᠪᠠᠶ᠋ᠢᠭ᠎ᠠ ᠠᠬᠢᠴᠠ ᠵᠢ ᠰᠦᠯᠵᠢᠶᠡᠨ ᠳᠡᠭᠡᠷ᠎ᠡ ᠰᠠᠨᠠᠭᠤᠯᠬᠤ᠂ ᠬᠢᠨᠠᠨ ᠡᠵᠡᠮᠳᠡᠬᠦ ᠵᠡᠷᠭᠡ ᠴᠢᠳᠠᠮᠵᠢ᠎ᠲᠠᠢ;᡽ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠡᠷᠬᠡ ᠮᠡᠳᠡᠯ᠎ᠤᠨ ᠬᠡᠪᠴᠢᠶ᠎ᠡ ᠶᠣᠰᠣᠭ᠋ᠠᠷ ᠲᠠᠪᠴᠠᠩ ᠵᠶ᠋ᠡᠷ ᠳᠠᠮᠵᠢᠭᠤᠯᠤᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠵᠦᠢ᠍ᠯᠡᠰ᠎ᠤᠨ ᠦᠨᠳᠦᠰᠦᠨ ᠡᠯᠧᠮᠧᠨ᠋ᠲ᠎ᠤᠨ ᠮᠡᠳᠡᠭᠡ ᠵᠠᠩᠭᠢ ᠪᠠ ᠪᠤᠰᠤᠳ ᠰᠠᠯᠠᠭ᠎ᠠ ᠮᠥᠴᠢᠷ᠎ᠤᠨ ᠬᠢᠨᠠᠨ ᠵᠥᠪᠰᠢᠶᠡᠷᠡᠭᠰᠡᠨ ᠰᠠᠨᠠᠯ᠎ᠢ ᠪᠠᠶ᠋ᠢᠴᠠᠭ᠋ᠠᠨ ᠯᠠᠪᠯᠠᠬᠤ ᠪᠠ ᠬᠠᠮᠲᠤ᠎ᠪᠠᠷ ᠡᠳ᠋ᠯᠡᠵᠦ ᠪᠣᠯᠣᠨ᠎ᠠ᠃
     (ᠭᠤᠷᠪᠠ) ᠬᠢᠨᠠᠯᠲᠠ ᠬᠠᠮᠢᠶᠠᠷᠤᠯᠲᠠ ᠵᠢᠨ ᠵᠠᠭᠪᠤᠷ᠎ᠤᠨ ᠰᠢᠨ᠎ᠡ ᠵᠢ ᠡᠭᠦᠳᠴᠦ᠂ ᠠᠵᠤ ᠠᠬᠤᠶ᠋ᠢᠯᠠᠯ᠎ᠤᠨ ᠪᠡᠶ᠎ᠡ᠎ᠪᠠᠨ ᠱᠠᠭ᠋ᠠᠷᠳᠠᠬᠤ ᠵᠢ ᠴᠢᠩᠭ᠋ᠠᠷᠠᠭᠤᠯᠪᠠ᠃ ᠲᠠᠪᠴᠠᠩ᠎ᠨᠢ ᠲᠥᠷᠥᠯ ᠵᠦᠢ᠍ᠯ᠎ᠤᠨ ᠺᠣᠳ᠋᠎ᠢ ᠨᠢᠭᠡᠳᠦᠭᠦᠯᠵᠦ᠂ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠪᠦ᠍ᠲᠦᠭᠡᠨ ᠪᠠᠶ᠋ᠢᠭᠤᠯᠤᠯᠲᠠ ᠵᠢᠨ ᠮᠡᠳᠡᠭᠡ ᠵᠠᠩᠭᠢ ᠵᠢ ᠮᠡᠳᠡᠭᠦᠯᠬᠦ ᠲᠦᠷᠢᠮ ᠪᠠ ᠰᠠᠯᠠᠭ᠎ᠠ ᠮᠥᠴᠢᠷ ᠬᠥᠨᠳᠡᠯᠡᠨ ᠭᠤᠯᠳᠤ ᠬᠣᠯᠪᠣᠯᠳᠤᠨ ᠬᠠᠮᠵᠢᠯᠴᠠᠬᠤ ᠬᠢᠨᠠᠨ ᠬᠠᠮᠢᠶᠠᠷᠬᠤ ᠲᠣᠭᠲᠠᠴᠠ ᠵᠢ ᠪᠠᠢ᠌ᠭᠤᠯᠵᠤ᠂ ᠭᠣᠣᠯᠳᠠᠯᠭ᠎ᠠ᠎ᠲᠠᠢ ᠬᠢᠨᠠᠯᠲᠠ ᠬᠠᠮᠢᠶᠠᠷᠤᠯᠲᠠ ᠵᠢ ᠳᠣᠪᠣᠢ᠌ᠯᠭ᠋ᠠᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠲᠣᠳᠣᠷᠬᠠᠶ ᠪᠣᠯᠭ᠋ᠠᠵᠤ᠂ ᠡᠷᠬᠡ᠎ᠪᠠᠨ ᠠᠰᠢᠭᠯᠠᠵᠤ ᠠᠰᠢᠭ ᠡᠷᠢᠬᠦ ᠪᠠ ᠠᠵᠤ ᠠᠬᠤᠶ᠋ᠢᠯᠠᠯ᠎ᠤᠨ ᠵᠠᠪᠰᠢᠨ ᠳᠠᠯᠢᠮᠳᠠᠭᠤᠯᠬᠤ ᠣᠷᠣᠨ ᠵᠠᠶ ᠵᠢ ᠪᠠᠭ᠋ᠠᠰᠬᠠᠪᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠴᠥᠮ ᠲᠠᠪᠴᠠᠩ ᠵᠶ᠋ᠠᠷ ᠳᠠᠮᠵᠢᠭᠤᠯᠵᠤ ᠠᠵᠤ ᠠᠬᠤᠢ᠌ᠯᠠᠯ᠎ᠤᠨ ᠲᠣᠭᠲᠠᠭ᠋ᠠᠯ᠎ᠠᠴᠠ ᠵᠥᠷᠢᠴᠡᠭᠰᠡᠨ ᠮᠡᠳᠡᠭᠡ ᠵᠠᠩᠭᠢ ᠵᠢ ᠣᠶ᠋ᠢᠯᠠᠭ᠋ᠠᠵᠤ᠂ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ ᠵᠣᠬᠢᠴᠠᠩᠭᠤᠶ᠎ᠪᠠᠷ ᠰᠢᠢ᠍ᠳᠪᠦᠷᠢᠯᠡᠬᠦ ᠪᠥᠭᠡᠳ ᠠᠵᠤ ᠠᠬᠤᠶ᠋ᠢᠯᠠᠯ᠎ᠤᠨ ᠢᠲᠡᠭᠡᠮᠵᠢ ᠵᠢᠨ ᠲᠠᠨᠭ᠌ᠰᠠ ᠡᠪᠬᠡᠮᠡᠯ᠎ᠳᠤ ᠣᠷᠣᠭᠤᠯᠵᠤ᠂ ᠤᠯᠤᠰ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠨᠢᠭᠡᠳᠦᠯᠲᠡᠶ ᠲᠠᠪᠴᠠᠩ᠎ᠳᠤ ᠨᠡᠶ᠋ᠢᠲᠡᠯᠡᠵᠦ᠂ ᠠᠵᠤ ᠠᠬᠤᠶ᠋ᠢᠯᠠᠯ᠎ᠤᠨ ᠲᠣᠭᠲᠠᠭ᠋ᠠᠯ᠎ᠠᠴᠠ ᠵᠥᠷᠢᠴᠡᠭᠰᠡᠨ ᠠᠶᠤᠯ ᠲᠦᠭᠰᠢᠭᠦᠷᠢ ᠵᠢᠨ ᠥᠷᠲᠡᠭ᠎ᠢ ᠨᠡᠮᠡᠭᠳᠡᠭᠦᠯᠵᠦ᠂ ᠠᠵᠤ ᠠᠬᠤᠶ᠋ᠢᠯᠠᠯ᠎ᠤᠨ ᠪᠡᠶ᠎ᠡ᠎ᠪᠠᠨ ᠵᠢᠷᠤᠮᠵᠢᠭᠤᠯᠬᠤ ᠵᠢ ᠲᠦᠯᠬᠢᠨ ᠠᠬᠢᠭᠤᠯᠵᠤ᠂ ᠬᠢᠨᠠᠯᠲᠠ ᠲᠠᠯᠪᠢᠬᠤ ᠦᠷ᠎ᠡ ᠪᠦᠲᠦᠮᠵᠢ ᠵᠢ ᠴᠢᠨᠠᠭᠰᠢᠳᠠ ᠳᠡᠭᠡᠭᠰᠢᠯᠡᠭᠦᠯᠪᠡ᠃
      ᠬᠥᠲᠥᠯᠥᠭᠴᠢ᠄
      ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ᠎ᠢ ᠶᠠᠭ ᠪᠠᠶ᠋ᠢᠭᠤᠯᠵᠤ ᠪᠣᠢ᠂ ᠳᠠᠷᠠᠭ᠋ᠠᠴᠢ ᠵᠢᠨ ᠠᠯᠬᠤᠮ᠎ᠤᠨ ᠪᠦᠳᠦᠭᠡᠨ ᠪᠠᠶ᠋ᠢᠭᠤᠯᠤᠯᠲᠠ᠎ᠳᠤ ᠶᠠᠮᠠᠷ ᠶᠠᠮᠠᠷ ᠲᠦᠯᠬᠢᠨ   ᠠᠬᠢᠭᠤᠯᠬᠤ ᠰᠡᠳᠬᠢᠮᠵᠢ᠎ᠲᠠᠢ ᠪᠠᠢ᠌ᠬᠤ ᠪᠣᠢ?
      ᠵᠠᠩ ᠪᠢᠨ᠄
      ᠡᠷᠬᠡ ᠵᠢᠨ ᠲᠣᠳᠣᠷᠬᠠᠶ ᠬᠠᠭᠤᠳᠠᠰᠤᠲᠤ ᠳᠦᠷᠢᠮ᠎ᠢ ᠬᠢᠨᠠᠨ ᠬᠠᠮᠢᠶᠠᠷᠬᠤ ᠠᠵᠢᠯᠯᠠᠭ᠎ᠠ ᠵᠢ ᠪᠠᠲᠤᠯᠠᠬᠤ ᠳᠦᠷᠢᠮ ᠵᠡᠷᠭᠡ ᠵᠢ ᠲᠦᠷᠭᠡᠪᠴᠢᠯᠡᠨ ᠪᠠᠶ᠋ᠢᠭᠤᠯᠤᠨ ᠲᠡᠭᠦᠯᠳᠡᠷᠵᠢᠭᠦᠯᠵᠦ; ᠬᠢᠨᠠᠨ ᠵᠥᠪᠰᠢᠶᠡᠷᠡᠬᠦ ᠵᠦᠢ᠍ᠯᠡᠰ᠎ᠢ ᠨᠠᠷᠢᠯᠢᠬ᠍ᠵᠢᠭᠤᠯᠤᠨ᠂ ᠮᠡᠳᠡᠭᠡ ᠵᠠᠩᠭᠢ ᠵᠢᠨ ᠬᠦᠰᠦᠨᠦᠭᠲᠦ ᠵᠢ ᠱᠠᠭ᠋ᠠᠷᠳᠠᠨ ᠲᠠᠭᠯᠠᠭᠤᠯᠵᠤ᠂ ᠲᠠᠪᠴᠠᠩ᠎ᠤᠨ ᠦᠢ᠍ᠯᠡᠴᠢᠯᠡᠭᠡᠨ᠎ᠤ ᠠᠭᠤᠯᠭ᠎ᠠ ᠪᠠ ᠴᠢᠳᠠᠪᠤᠷᠢ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠠᠪᠴᠠᠩ᠎ᠤᠨ ᠲᠣᠭᠲᠠᠭᠤᠨ ᠵᠶ᠋ᠠᠷ ᠠᠵᠢᠯᠯᠠᠬᠤ ᠵᠢ ᠦᠨᠡᠨ ᠬᠦ᠌   ᠪᠠᠲᠤᠯᠠᠨ᠎ᠠ᠃ ᠡᠨᠡ ᠪᠣᠯ ᠮᠠᠨ᠎ᠤ ᠳᠠᠷᠠᠭ᠋ᠠᠴᠢ ᠵᠢᠨ ᠠᠯᠬᠤᠮ᠎ᠤᠨ ᠠᠵᠢᠯ᠎ᠢ ᠲᠦᠯᠬᠢᠨ ᠠᠬᠢᠭᠤᠯᠬᠤ ᠰᠡᠳᠬᠢᠴᠡ ᠮᠥᠨ᠃
      ᠪᠣᠳᠠᠲᠠᠶ᠎ᠪᠠᠷ ᠳᠤᠷᠠᠳᠪᠠᠯ᠄ ᠨᠢᠭᠡ᠎ᠳᠤ᠂ ᠬᠢᠨᠠᠨ ᠵᠥᠪᠰᠢᠶᠡᠷᠡᠬᠦ ᠵᠦᠢ᠍ᠯᠡᠰ ᠪᠠ ᠬᠡᠷᠡᠭ ᠡᠷᠬᠢᠯᠡᠬᠦ ᠵᠦᠭᠯᠡᠭᠦᠷ᠎ᠢ ᠲᠡᠭᠦᠯᠳᠡᠷᠵᠢᠭᠦᠯᠦᠨ᠎ᠡ᠃ ᠡᠮᠬᠢᠯᠡᠨ ᠲᠢᠭᠯᠡᠬᠦ ᠵᠦᠢ᠍ᠯᠡᠰ ᠪᠠ ᠴᠤᠪᠤᠷᠠᠯ ᠪᠣᠯ ᠲᠠᠪᠴᠠᠩ᠎ᠤᠨ ᠶᠡᠷᠦᠩᠬᠡᠶ ᠵᠢᠷᠤᠭ ᠲᠥᠯᠥᠪᠯᠡᠭᠡ ᠵᠢ ᠵᠣᠬᠢᠶᠠᠬᠤ᠂ ᠡᠷᠭᠢᠯᠲᠡ ᠵᠢᠨ ᠶᠠᠪᠤᠴᠠ ᠪᠠ ᠬᠡᠷᠡᠭᠯᠡᠭᠡᠨ᠎ᠤ ᠦᠷ᠎ᠡ ᠳ᠋ᠦᠩ᠎ᠳᠤ ᠬᠣᠯᠪᠣᠭᠳᠠᠬᠤ ᠪᠣᠯᠬᠣᠷ᠂ ᠪᠦᠬᠦᠶ᠋ᠢᠯᠡ ᠲᠠᠪᠴᠠᠩ᠎ᠤᠨ ᠪᠠᠶ᠋ᠢᠭᠤᠯᠤᠯᠲᠠ ᠵᠢᠨ ᠭᠣᠣᠯᠳᠠᠯᠭ᠎ᠠ ᠪᠠ ᠪᠡᠷᠬᠡᠲᠡᠶ ᠲᠠᠯ᠎ᠠ ᠪᠣᠯᠬᠤ ᠶᠤᠮ᠃ ᠡᠭᠦᠨ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠬᠠᠮᠲᠤᠷᠠᠨ ᠬᠢᠨᠠᠬᠤ ᠰᠠᠯᠠᠭ᠎ᠠ ᠮᠥᠴᠢᠷ᠎ᠤᠨ ᠬᠢᠨᠠᠨ ᠵᠥᠪᠰᠢᠶᠡᠷᠡᠬᠦ ᠵᠦᠢ᠍ᠯᠡᠰ᠎ᠢ ᠡᠮᠬᠢᠯᠡᠬᠦ ᠠᠵᠢᠯ ᠳᠠᠭᠤᠰᠴᠤ᠂ ᠪᠣᠯᠪᠠᠰᠤᠷᠠᠯ᠎ᠤᠨ ᠳᠤᠮᠳᠠ ᠡᠯ᠎ᠡ ᠠᠶ᠋ᠢᠮᠠᠭ ᠬᠣᠲᠠ ᠬᠣᠰᠢᠭᠤ ᠰᠢᠶᠠᠨ᠎ᠤ ᠬᠢᠨᠠᠨ ᠵᠥᠪᠰᠢᠶᠡᠷᠡᠬᠦ ᠤᠴᠢᠷ ᠶᠠᠪᠤᠳᠠᠯ᠎ᠤᠨ ᠬᠦᠰᠦᠨᠦᠭᠲᠦ᠂ ᠮᠡᠳᠡᠭᠡ ᠵᠠᠩᠭᠢ ᠵᠢ ᠢᠯᠡ ᠪᠣᠯᠭ᠋ᠠᠬᠤ ᠬᠦᠰᠦᠨᠦᠭᠲᠦ ᠵᠢ ᠴᠤᠭᠯᠠᠭᠤᠯᠵᠤ᠂ ᠳᠡᠭᠡᠭᠰᠢ ᠮᠡᠳᠡᠭᠦᠯᠦᠭᠰᠡᠨ ᠦᠭᠡᠢ ᠰᠠᠯᠠᠭ᠎ᠠ ᠮᠥᠴᠢᠷ᠎ᠢ ᠱᠠᠯᠠᠪᠳᠠᠵᠤ ᠪᠠᠢ᠌ᠭ᠋ᠠᠳ ᠲᠣᠰ ᠰᠠᠯᠠᠭ᠎ᠠ ᠮᠥᠴᠢᠷ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠬᠦᠰᠦᠨᠦᠭᠲᠦ ᠵᠢ ᠳᠠᠷᠤᠶ ᠲᠦᠷᠭᠡᠨ ᠳᠡᠭᠡᠭᠰᠢ ᠮᠡᠳᠡᠭᠦᠯᠵᠡᠢ᠃ ᠢᠨᠵᠧᠨᠧᠷᠢᠩ᠎ᠤᠨ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠬᠦᠴᠦᠨ ᠵᠶ᠋ᠠᠨ ᠲᠥᠪᠯᠡᠷᠡᠭᠦᠯᠦᠨ ᠡᠯ᠎ᠡ ᠬᠠᠮᠲᠤᠷᠠᠨ ᠬᠢᠨᠠᠬᠤ ᠰᠠᠯᠠᠭ᠎ᠠ ᠮᠥᠴᠢᠷ᠎ᠤᠨ ᠳᠡᠭᠡᠭᠰᠢ ᠮᠡᠳᠡᠭᠦᠯᠦᠭᠰᠡᠨ ᠮᠡᠳᠡᠭᠡ ᠵᠠᠩᠭᠢ ᠵᠢ ᠨᠤᠲᠠᠯᠠᠰᠠᠨ ᠲᠣᠭᠲᠠᠭ᠋ᠠᠭᠰᠠᠨ ᠬᠦᠰᠦᠨᠦᠭᠲᠦ ᠵᠢ ᠲᠠᠪᠴᠠᠩ᠎ᠤᠨ ᠰᠢᠰᠲ᠋ᠧᠮ᠎ᠲᠠᠢ ᠬᠣᠯᠪᠣᠭᠰᠠᠨ ᠪᠠᠢ᠌ᠨ᠎ᠠ᠃
      ᠵᠠᠩ ᠪᠢᠨ᠄
      ᠬᠣᠶᠠᠷ᠎ᠲᠤ᠂ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠬᠠᠮᠲᠤᠷᠠᠨ ᠬᠢᠨᠠᠨ ᠵᠥᠪᠰᠢᠶᠡᠷᠡᠬᠦ ᠲᠠᠪᠴᠠᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ ᠵᠢ ᠲᠦᠷᠭᠡᠪᠴᠢᠯᠡᠨ ᠲᠣᠭᠲᠠᠭ᠋ᠠᠨ᠎ᠠ᠃ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠦᠷᠢᠮ᠎ᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ᠎ᠳᠤ᠂ ᠪᠡᠯᠡ ᠣᠷᠣᠭᠤᠯᠤᠯᠲᠠ ᠵᠢᠨ ᠵᠦᠢ᠍ᠯᠡᠰ᠎ᠢ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠠᠷᠭ᠎ᠠ ᠮᠠᠶᠢᠭ᠎ᠤᠨ ᠰᠢᠨ᠎ᠡ ᠵᠢ ᠡᠭᠦᠳᠴᠦ᠂ ᠪᠦᠬᠦ ᠣᠷᠣᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠬᠠᠮᠲᠤᠷᠠᠨ ᠬᠢᠨᠠᠨ ᠵᠥᠪᠰᠢᠶᠡᠷᠡᠬᠦ ᠠᠵᠢᠯ᠎ᠢ ᠵᠢᠷᠤᠮᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠬᠠᠮᠲᠤᠷᠠᠵᠤ ᠬᠢᠨᠠᠨ ᠵᠥᠪᠰᠢᠶᠡᠷᠡᠬᠦ   ᠲᠠᠪᠴᠠᠩ᠎ᠤᠨ ᠪᠦᠲᠦᠮᠵᠢ ᠰᠠᠶ᠋ᠢᠲᠠᠶ ᠠᠵᠢᠯᠯᠠᠬᠤ ᠵᠢ ᠪᠠᠲᠤᠯᠠᠵᠤ᠂ 《ᠨᠢᠭᠡᠳᠦᠯᠲᠡᠶ ᠪᠥᠭᠡᠳ ᠵᠢᠷᠤᠮᠵᠢᠭᠤᠨ᠂   ᠬᠣᠯᠪᠣᠭ᠋ᠠᠯᠠᠨ ᠠᠵᠢᠯᠯᠠᠵᠤ᠂ ᠮᠡᠳᠡᠭᠡ ᠵᠠᠩᠭᠢ ᠵᠢ ᠬᠠᠮᠲᠤᠪᠠᠷ ᠡᠳ᠋ᠯᠡᠬᠦ᠂ ᠪᠦᠲᠦᠮᠵᠢᠲᠡᠶ ᠮᠥᠷᠲᠡᠭᠡᠨ ᠳᠥᠲᠡ᠂ ᠢᠯᠠ ᠭᠦᠢ᠍ᠴᠡᠳᠬᠡᠬᠦ᠂ ᠪᠦᠬᠦ ᠶᠠᠪᠤᠴᠠ᠎ᠳᠤ ᠬᠢᠨᠠᠯᠲᠠ ᠲᠠᠯᠪᠢᠬᠤ》 ᠬᠠᠷᠠᠯᠲᠠ ᠵᠢ ᠪᠡᠶᠡᠯᠡᠭᠦᠯᠵᠦ᠂ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠬᠤᠪᠸᠢ ᠮᠤᠵᠢ ᠵᠢᠨ ᠵᠠᠰᠠᠭ᠎ᠤᠨ ᠶᠠᠪᠤᠳᠠᠯ᠎ᠢ ᠺᠣᠮᠫᠢᠦ᠋ᠲ᠋ᠧᠷ ᠵᠶ᠋ᠠᠷ ᠭᠦᠢ᠍ᠴᠡᠳᠬᠡᠬᠦ ᠪᠠᠷᠢᠮᠵᠢᠶ᠎ᠠ ᠵᠢᠨ ᠵᠢᠷᠤᠮᠵᠢᠯ ᠶᠣᠰᠣᠭ᠋ᠠᠷ᠂ ᠮᠠᠨ᠎ᠤ ᠣᠷᠣᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠠᠵᠢᠯ᠎ᠤᠨ ᠪᠣᠳᠠᠲᠠᠶ᠎ᠲᠠᠢ ᠤᠶᠠᠯᠳᠤᠭᠤᠯᠤᠨ ᠬᠠᠮᠢᠶᠠᠷᠤᠯᠲᠠ ᠵᠢᠨ ᠠᠷᠭ᠎ᠠ ᠵᠢ ᠲᠦᠷᠭᠡᠪᠴᠢᠯᠡᠨ ᠲᠣᠭᠲᠠᠭ᠋ᠠᠨ᠎ᠠ᠃ ᠣᠳᠣᠬᠠᠨ᠎ᠳᠤ᠂ ᠤᠯᠤᠰ᠎ᠤᠨ ᠳᠡᠰ᠎ᠤᠨ ᠬᠠᠮᠢᠶᠠᠷᠤᠯᠲᠠ ᠵᠢᠨ ᠠᠷᠭ᠎ᠠ ᠵᠢᠨ ᠲᠤᠬᠠᠢ ᠡᠯ᠎ᠡ ᠮᠤᠵᠢ ᠣᠷᠣᠨ᠎ᠠᠴᠠ ᠨᠢᠭᠡᠨᠲᠡ ᠰᠠᠨᠠᠯ ᠬᠤᠷᠢᠶᠠᠵᠤ᠂ ᠤᠳᠠᠯ ᠦᠭᠡᠶ ᠨᠡᠶ᠋ᠢᠲᠡᠯᠡᠬᠦ ᠪᠣᠯᠤᠨ᠎ᠠ᠃
      ᠭᠤᠷᠪᠠ᠎ᠳᠤ᠂ ᠰᠠᠯᠠᠭ᠎ᠠ ᠮᠥᠴᠢᠷ᠎ᠤᠨ ᠬᠣᠭᠣᠷᠣᠨᠳᠣᠬᠢ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠲᠥᠰᠥᠪᠯᠡᠯ᠂ ᠬᠢᠨᠠᠨ ᠬᠠᠷᠭᠤᠭᠤᠯᠵᠤ ᠴᠣᠬᠣᠯᠠᠪᠤᠷᠢᠯᠠᠬᠤ᠎ᠠᠴᠠ ᠠᠪᠤᠭ᠋ᠠᠳ ᠠᠵᠢᠯ ᠳᠠᠭᠤᠰᠴᠤ   ᠠᠰᠢᠭᠯᠠᠯᠲᠠ᠎ᠳᠤ ᠣᠷᠣᠭᠤᠯᠬᠤ ᠬᠦᠷᠲᠡᠯ᠎ᠡ᠂ ᠴᠥᠮ ᠥᠪᠡᠷᠲᠡᠭᠡᠨ ᠵᠠᠰᠠᠬᠤ ᠣᠷᠣᠨ᠎ᠤ ᠤᠯᠠᠨ ᠲᠢᠩᠬᠢᠮ ᠲᠣᠪᠴᠢᠶ᠎ᠠ᠎ᠳᠤ   ᠬᠣᠯᠪᠣᠭᠳᠠᠬᠤ ᠪᠣᠯᠬᠣᠷ᠂ ᠬᠠᠮᠢᠶ᠎ᠠ   ᠪᠦᠬᠦᠢ ᠮᠡᠳᠡᠭᠡ ᠵᠠᠩᠭᠢ ᠵᠢ ᠴᠠᠭ ᠲᠤᠬᠠᠶ᠎ᠳᠤᠨᠢ ᠬᠠᠮᠲᠤ᠎ᠪᠠᠷ ᠡᠳ᠋ᠯᠡᠪᠡᠯ ᠰᠠᠶᠢ ᠲᠠᠪᠴᠠᠩ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠴᠢᠳᠠᠨ᠎ᠠ᠃ ᠪᠣᠯᠪᠠᠰᠤᠷᠠᠩᠭᠤᠶ ᠬᠢᠨᠠᠨ ᠵᠥᠪᠰᠢᠶᠡᠷᠡᠬᠦ ᠰᠢᠰᠲ᠋ᠧᠮ᠎ᠢ ᠨᠢᠭᠡᠨᠲᠡ ᠪᠠᠶ᠋ᠢᠭᠤᠯᠤᠭᠰᠠᠨ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ᠎ᠤᠨ ᠲᠣᠭ᠎ᠠ ᠪᠠᠷᠢᠮᠲᠠ ᠵᠢᠨ ᠰᠣᠯᠢᠯᠴᠠᠭ᠎ᠠ᠎ᠪᠠᠷ ᠳᠠᠮᠵᠢᠭᠤᠯᠤᠨ ᠬᠠᠮᠲᠤᠷᠠᠨ ᠬᠥᠳᠡᠯᠦᠯᠴᠡᠬᠦ ᠵᠢ ᠪᠡᠶᠡᠯᠡᠭᠦᠯᠵᠦ ᠪᠣᠯᠣᠨ᠎ᠠ; ᠥᠪᠡᠷ ᠵᠶ᠋ᠡᠨ ᠳᠣᠲᠣᠭ᠋ᠠᠳᠤ ᠵᠢᠨ ᠬᠢᠨᠠᠨ ᠵᠥᠪᠰᠢᠶᠡᠷᠡᠬᠦ ᠰᠢᠰᠲ᠋ᠧᠮ ᠦᠭᠡᠢ ᠰᠠᠯᠠᠭ᠎ᠠ ᠮᠥᠴᠢᠷ᠎ᠤᠳ ᠴᠦ᠍ ᠥᠪᠡᠷᠲᠡᠭᠡᠨ ᠵᠠᠰᠠᠬᠤ ᠣᠷᠣᠨ᠎ᠤ ᠲᠠᠪᠴᠠᠩ᠎ᠳᠤ ᠭᠠᠷᠴᠤ ᠰᠢᠭᠤᠳ ᠲᠤᠬᠠᠶ᠋ᠢᠯᠠᠭᠰᠠᠨ ᠠᠵᠢᠯ ᠡᠷᠬᠢᠯᠡᠵᠦ ᠪᠣᠯᠤᠨ᠎ᠠ᠃ ᠡᠶ᠋ᠢᠮᠦ ᠲᠣᠭᠲᠠᠴᠠ᠎ᠪᠠᠷ ᠳᠠᠮᠵᠢᠭᠤᠯᠤᠨ᠂ ᠡᠯ᠎ᠡ ᠰᠠᠯᠠᠭ᠎ᠠ ᠮᠥᠴᠢᠷ᠎ᠤᠳ ᠬᠣᠯᠪᠣᠭᠳᠠᠯ ᠪᠦᠬᠦᠢ ᠮᠡᠳᠡᠭᠡ ᠵᠠᠩᠭᠢ ᠵᠢ ᠴᠠᠭ ᠲᠤᠬᠠᠶ᠎ᠳᠤᠨᠢ ᠰᠠᠨᠠᠭ᠋ᠠᠴᠢᠯᠠᠭ᠋ᠠᠲᠠᠶ᠎ᠪᠠᠷ ᠮᠡᠳᠡᠭᠡ ᠵᠠᠩᠭᠢ ᠵᠢᠨ ᠲᠠᠪᠴᠠᠩ᠎ᠳᠤ ᠬᠦᠷᠭᠡᠵᠦ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠬᠠᠮᠲᠤᠷᠠᠨ ᠬᠥᠳᠡᠯᠦᠯᠴᠡᠬᠦ ᠵᠢ ᠪᠡᠶᠡᠯᠡᠭᠦᠯᠵᠦ ᠪᠣᠯᠣᠨ᠎ᠠ᠃
      ᠳᠡᠭᠡᠷ᠎ᠡ ᠳᠤᠷᠠᠳᠤᠭᠰᠠᠨ ᠡᠳᠡᠭᠡᠷ ᠠᠵᠢᠯ᠎ᠢ ᠪᠡᠶᠡᠯᠡᠭᠦᠯᠦᠭᠰᠡᠨ᠎ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠳᠤ ᠰᠠᠨᠠᠭᠤᠯᠵᠤ ᠨᠢᠭᠤᠴᠠ᠎ᠳᠤ ᠥᠯᠥ ᠬᠣᠯᠪᠣᠭᠳᠠᠬᠤ ᠲᠥᠷᠥᠯ ᠵᠦᠢ᠍ᠯ ᠪᠦᠬᠦᠨ᠎ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠭᠦ ᠵᠢ ᠠᠯᠪᠠᠳᠠᠯᠭ᠎ᠠ᠎ᠪᠠᠷ ᠱᠠᠭ᠋ᠠᠷᠳᠠᠬᠤ ᠪᠣᠯᠤᠨ᠎ᠠ᠃
      ᠬᠥᠲᠥᠯᠥᠭᠴᠢ᠄
      ᠵᠠ᠂ ᠵᠠᠩ ᠡᠷᠬᠢᠯᠡᠭᠴᠢ ᠵᠢᠨ ᠬᠦᠯᠢᠴᠡᠩᠭᠦᠶ᠎ᠪᠠᠷ ᠬᠠᠷᠢᠭᠤᠯᠲᠠ ᠥᠭᠭᠦᠭᠰᠡᠨ᠎ᠳᠤ ᠲᠠᠯᠠᠷᠬᠠᠯ᠎ᠠ᠂ ᠰᠦᠯᠵᠢᠶᠡᠨ᠎ᠤ ᠠᠨᠳᠠ ᠨᠠᠷ᠎ᠤᠨ ᠣᠷᠣᠯᠴᠠᠭᠰᠠᠨ᠎ᠳᠤ ᠲᠠᠯᠠᠷᠬᠠᠵᠤ ᠪᠠᠢ᠌ᠨ᠎ᠠ᠂ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ   ᠥᠨᠳᠥᠷᠯᠡᠯ᠎ᠡ᠂ ᠪᠠᠶᠠᠷᠲᠠᠢ᠃

      ᠥᠪᠡᠷᠲᠡᠭᠡᠨ ᠵᠠᠰᠠᠬᠤ ᠣᠷᠣᠨ᠎ᠤ ᠪᠡᠯᠡ ᠣᠷᠤᠭᠤᠯᠤᠯᠲᠠ ᠵᠢᠨ ᠲᠥᠷᠥᠯ ᠵᠦᠢ᠍ᠯ᠎ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠵᠢᠩᠬᠢᠨᠢ᠎ᠪᠠᠷ ᠨᠡᠪᠲᠡᠷᠡᠪᠡ

      ᠥᠪᠡᠷᠲᠡᠭᠡᠨ ᠵᠠᠰᠠᠬᠤ ᠣᠷᠣᠨ᠎ᠤ ᠪᠡᠯᠡ ᠣᠷᠤᠭᠤᠯᠤᠯᠲᠠ ᠵᠢᠨ ᠲᠥᠷᠥᠯ ᠵᠦᠢ᠍ᠯ᠎ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠵᠢᠩᠬᠢᠨᠢ᠎ᠪᠠᠷ ᠨᠡᠪᠲᠡᠷᠡᠪᠡ

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠬᠥᠳᠡᠭᠡ ᠲᠣᠰᠬᠣᠨ᠎ᠤ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠲᠦᠷᠭᠡᠨ ᠬᠦᠭᠵᠢᠯᠲᠡ ᠵᠢ ᠠᠬᠢᠭᠤᠯᠬᠤ ᠲᠣᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》᠎ᠤᠨ ᠲᠠᠢ᠌ᠯᠦᠮᠵᠢ
ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ ᠡᠶ᠎ᠡ ᠵᠣᠬᠢᠴᠠᠯ᠎ᠲᠠᠢ ᠬᠢᠯᠢ ᠬᠢᠵᠠᠭ᠋ᠠᠷ᠎ᠢ ᠴᠢᠷᠮᠠᠶ᠋ᠢᠨ ᠪᠠᠢ᠌ᠭᠤᠯᠤᠶ᠎ᠠ
ᠭᠠᠳᠠᠭ᠋ᠠᠳᠤ ᠰᠤᠷᠭ᠋ᠠᠨ ᠬᠥᠮᠦᠵᠢᠯ᠎ᠤᠨ ᠰᠣᠯᠢᠯᠴᠠᠭ᠎ᠠ ᠵᠢ ᠴᠢᠩᠭ᠋ᠠᠳᠬᠠᠵᠤ ᠰᠤᠷᠭ᠋ᠠᠨ ᠬᠥᠮᠦᠵᠢᠯ᠎ᠤᠨ ᠬᠠᠮᠲᠤᠷᠠᠯᠴᠠᠭ᠎ᠠ ᠵᠢᠨ ᠲᠠᠪᠴᠠᠩ᠎ᠢ ᠪᠠᠢ᠌ᠭᠤᠯᠤᠶ᠎ᠠ
ᠬᠡᠪ᠎ᠠᠴᠠ ᠳᠠᠪᠠᠭᠰᠠᠨ ᠠᠷᠭ᠎ᠠ ᠬᠡᠮᠵᠢᠶ᠎ᠡ ᠠᠪᠴᠤ ᠲᠤᠢ᠌ᠯ᠎ᠤᠨ ᠤᠨᠤᠪᠴᠢᠲᠠᠢ᠎ᠪᠠᠷ ᠶᠠᠳᠠᠭᠤ᠎ᠠᠴᠠ ᠠᠩᠭᠢᠵᠢᠷᠠᠭᠤᠯᠬᠤ ᠪᠠ ᠰᠢᠨ᠎ᠡ ᠬᠥᠳᠡᠭᠡ ᠲᠣᠰᠬᠣᠨ᠎ᠢ ᠪᠦᠳᠦᠭᠡᠨ ᠪᠠᠢ᠌ᠭᠤᠯᠬᠤ ᠠᠵᠢᠯ᠎ᠢ ᠪᠦᠬᠦ ᠲᠠᠯ᠎ᠠ᠎ᠪᠠᠷ ᠲᠦᠯᠬᠢᠨ ᠠᠬᠢᠭᠤᠯᠤᠶ᠎ᠠ
 
            