ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠵᠢ ᠪᠦᠬᠦ ᠲᠠᠯ᠎ᠠ᠎ᠪᠠᠷ ᠬᠡᠷᠡᠭᠵᠢᠭᠦᠯᠵᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠳᠤᠮᠳᠠ ᠨᠡᠮᠡᠭᠳᠡᠯ᠎ᠢ ᠲᠣᠭᠲᠠᠪᠤᠷᠢᠵᠢᠭᠤᠯᠵᠤ ᠪᠦᠲᠦᠴᠡ᠎ᠳᠤ ᠲᠣᠬᠢᠷᠠᠭᠤᠯᠤᠯᠲᠠ ᠬᠢᠵᠦ ᠬᠥᠳᠡᠯᠭᠡᠬᠦ ᠴᠢᠳᠠᠪᠬᠢ ᠵᠢ ᠨᠡᠮᠡᠭᠳᠡᠭᠦᠯᠦᠨ᠎ᠡ
ᠨᠡᠶ᠋ᠢᠲᠡᠯᠡᠭᠰᠡᠨ ᠴᠠᠭ᠄ 2016-04-27

     

         

      ᠰᠤᠷᠪᠤᠯᠵᠢᠯᠠᠭᠰᠠᠨ ᠴᠠᠭ᠄  

     2016 ᠣᠨ᠎ᠤ 4 ᠳ᠋ᠦ᠍ᠭᠡᠷ ᠰᠠᠷ᠎ᠠ ᠵᠢᠨ 22᠎ᠤᠨ ᠡᠳᠦᠷ᠎ᠤᠨ ᠦᠳᠡ ᠵᠢᠨ ᠡᠮᠦᠨ᠎ᠡ ᠵᠢᠨ 9 ᠴᠠᠭ
   
      ᠰᠤᠷᠪᠤᠯᠵᠢᠯᠠᠭᠰᠠᠨ ᠵᠣᠴᠢᠨ᠄

      ᠥᠪᠥᠷ ᠮᠣᠩᠭᠣᠯ᠎ᠤᠨ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠱᠧ ᠠᠨ      

      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄

      ᠡ᠊ᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ᠂ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ᠎ᠪᠠᠷ ᠳᠤᠷᠠᠳᠪᠠ᠃ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠪᠣᠯ ᠡᠳ᠋᠎ᠤᠨ ᠵᠠᠰᠠᠭ᠎ᠤᠨ ᠭᠠᠶ᠋ᠢᠯᠢ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠴᠢᠬᠤᠯᠠ ᠠᠭᠤᠯᠭ᠎ᠠ ᠪᠠ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢᠨ ᠴᠢᠬᠤᠯᠠ ᠠᠷᠭ᠎ᠠ ᠬᠡᠮᠵᠢᠶ᠎ᠡ ᠮᠥᠨ᠂ ᠡᠬᠢᠨ᠎ᠤ ᠦᠶ᠎ᠡ ᠵᠢᠨ ᠲᠤᠷᠰᠢᠯᠲᠠ ᠨᠢᠭᠡᠨᠲᠡ ᠢᠳᠡᠪᠬᠢᠲᠡᠶ ᠦᠷ᠎ᠡ ᠪᠦᠲᠦᠮᠵᠢ ᠣᠯᠤᠭᠰᠠᠨ ᠪᠠᠶ᠋ᠢᠨ᠎ᠠ᠂ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ᠎ᠨᠢ᠂ ᠬᠠᠮᠤᠷᠬᠤ ᠬᠡᠪᠴᠢᠶ᠎ᠡ᠎ᠪᠠᠷ ᠨᠡᠩ ᠥᠷᠭᠡᠨ᠂ ᠠᠴᠢ ᠬᠣᠯᠪᠣᠭᠳᠠᠯ᠎ᠨᠢ ᠨᠡᠩ ᠶᠡᠬᠡ ᠶᠤᠮ᠃


                    ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ


      ᠬᠥᠲᠥᠯᠥᠭᠴᠢ᠄
      ᠰᠦᠯᠵᠢᠶᠡᠨ ᠠᠨᠳᠠ ᠨᠠᠷ ᠲᠠ ᠪᠦᠭᠦᠨ ᠰᠠᠢ᠍ᠢ᠍ᠨ ᠪᠠᠶ᠋ᠢᠨ᠎ᠠ ᠦᠦ᠂ ᠲᠤᠰ ᠬᠤᠭᠤᠴᠠᠭ᠋ᠠᠨ᠎ᠤ 《ᠳᠤᠮᠳᠠᠳᠤ ᠤᠯᠤᠰ ᠥᠪᠥᠷ ᠮᠣᠩᠭᠣᠯ》᠎ᠤᠨ ᠰᠦᠯᠵᠢᠶᠡᠨ᠎ᠤ ᠰᠤᠷᠪᠤᠯᠵᠢᠯᠠᠭ᠎ᠠ ᠵᠢᠨ ᠪᠤᠯᠤᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠡ᠊ᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ᠂ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ᠎ᠪᠠᠷ ᠳᠤᠷᠠᠳᠪᠠ᠃ ᠤᠯᠠᠨ ᠵᠶ᠋ᠠᠷ ᠵᠶ᠋ᠠᠨ ᠴᠥᠮ ᠡᠭᠦᠨ᠎ᠤ ᠲᠤᠬᠠᠶ ᠮᠠᠰᠢ ᠠᠩᠬᠠᠷᠴᠤ ᠪᠠᠶ᠋ᠢᠨ᠎ᠠ᠂ ᠢᠯᠠᠩᠭᠤᠶ᠎ᠠ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠢ᠌ᠯᠢ ᠪᠣᠯᠭ᠋ᠠᠨ ᠥᠭᠡᠷᠡᠴᠢᠯᠡᠬᠦ᠎ᠨᠢ ᠭᠠᠶ᠋ᠢᠯᠢ ᠲᠤᠰᠢᠶᠠᠭᠴᠢ᠎ᠳᠤ ᠶᠠᠮᠠᠷ ᠶᠠᠮᠠᠷ ᠨᠥᠯᠥᠭᠡ ᠦᠵᠡᠭᠦᠯᠬᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠎ᠳᠤ ᠴᠤᠬᠤᠮ ᠶᠠᠮᠠᠷ ᠦᠢ᠍ᠯᠡᠳᠦᠯ ᠦᠵᠡᠭᠦᠯᠬᠦ ᠵᠢ ᠮᠠᠰᠢ ᠶᠡᠬᠡ ᠠᠩᠬᠠᠷᠴᠤ ᠪᠠᠶ᠋ᠢᠨ᠎ᠠ᠃ ᠥᠨᠥᠳᠦᠷ ᠪᠢᠳᠠ ᠥᠪᠥᠷ ᠮᠣᠩᠭᠣᠯ᠎ᠤᠨ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠱᠧ ᠠᠨ᠎ᠢ ᠤᠷᠢᠵᠤ ᠲᠠ ᠪᠦᠬᠦᠨ᠎ᠤ ᠨᠡᠶ᠋ᠢᠳᠡᠮ ᠠᠩᠬᠠᠷᠴᠤ ᠪᠠᠶ᠋ᠢᠭ᠎ᠠ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠲᠤᠬᠠᠶ ᠰᠦᠯᠵᠢᠶᠡᠨ ᠳᠡᠭᠡᠷ᠎ᠡ ᠰᠠᠨᠠᠯ ᠵᠶ᠋ᠡᠨ ᠰᠣᠯᠢᠯᠴᠠᠵᠤ᠂ ᠬᠣᠯᠪᠣᠭᠳᠠᠯ ᠪᠦᠬᠦᠢ ᠪᠠᠶ᠋ᠢᠳᠠᠯ᠎ᠢ ᠲᠠᠨᠢᠯᠴᠠᠭᠤᠯᠵᠤ᠂ ᠲᠠ ᠪᠦᠬᠦᠨ᠎ᠤ ᠠᠰᠠᠭᠤᠯᠲᠠ ᠵᠢ ᠬᠠᠷᠢᠭᠤᠯᠬᠤ ᠪᠣᠯᠣᠨ᠎ᠠ᠃

      ᠵᠠᠩ ᠱᠧ ᠠᠨ᠄
      ᠬᠥᠲᠥᠯᠥᠭᠴᠢ᠂ ᠰᠦᠯᠵᠢᠶᠡᠨ᠎ᠤ ᠠᠨᠳᠠ ᠨᠠᠷ ᠲᠠ ᠪᠦᠭᠦᠨ ᠰᠠᠢ᠍ᠢ᠍ᠨ ᠪᠠᠶ᠋ᠢᠨ᠎ᠠ ᠦᠦ᠃ 《ᠳᠤᠮᠳᠠᠳᠤ ᠤᠯᠤᠰ ᠥᠪᠥᠷ ᠮᠣᠩᠭᠣᠯ》 ᠰᠦᠯᠵᠢᠶ᠎ᠡ ᠬᠢᠭᠡᠳ ᠲᠠ ᠪᠦᠬᠦᠨ᠎ᠲᠠᠢ ᠶᠠᠷᠢᠯᠴᠠᠬᠤ ᠪᠣᠯᠣᠭᠰᠠᠨ᠎ᠳᠠᠭᠠᠨ ᠲᠣᠩ ᠪᠠᠶᠠᠷᠯᠠᠵᠤ ᠪᠠᠶ᠋ᠢᠨ᠎ᠠ᠃ ᠡᠨᠡ ᠬᠦ᠌ ᠲᠣᠬᠢᠶᠠᠯ ᠵᠶ᠋ᠠᠷ ᠪᠢ ᠥᠪᠥᠷ ᠮᠣᠩᠭᠣᠯ᠎ᠤᠨ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠨ ᠡᠮᠦᠨ᠎ᠡ᠎ᠠᠴᠠ ᠭᠠᠶ᠋ᠢᠯᠢ ᠲᠠᠲᠠᠪᠤᠷᠢ ᠵᠢᠨ ᠠᠵᠢᠯ᠎ᠢ ᠬᠠᠯᠠᠮᠵᠢᠯᠠᠵᠤ᠂ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ᠎ᠤ ᠠᠨᠳᠠ ᠨᠠᠷ᠎ᠲᠠᠭᠠᠨ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠵᠦ ᠪᠠᠶ᠋ᠢᠨ᠎ᠠ᠃

      ᠬᠥᠲᠥᠯᠥᠭᠴᠢ᠄
      ᠳᠣᠣᠷ᠎ᠠ᠂ ᠶᠠᠭᠤᠨ᠎ᠤ ᠡᠮᠦᠨ᠎ᠡ ᠵᠠᠩ ᠳᠠᠷᠤᠭ᠎ᠠ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ᠎ᠳᠤ ᠠᠯᠢ ᠠᠯᠢ ᠲᠠᠯ᠎ᠠ ᠵᠢᠨ ᠠᠭᠤᠯᠭ᠎ᠠ   ᠬᠣᠯᠪᠣᠭᠳᠠᠬᠤ ᠵᠢ ᠲᠠᠨᠢᠯᠴᠠᠭᠤᠯᠤᠭ᠋ᠠᠳ ᠥᠭᠭᠦᠨ᠎ᠡ ᠦᠦ?

      ᠵᠠᠩ ᠱᠧ ᠠᠨ᠄
      ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠵᠢᠨ ᠦᠨᠳᠦᠰᠦᠨ ᠠᠭᠤᠯᠭ᠎ᠠ᠎ᠨᠢ 《ᠬᠣᠣᠰ ᠥᠷᠭᠡᠳᠬᠡᠯ》 ᠪᠣᠯᠣᠨ᠎ᠠ᠃ ᠨᠢᠭᠡ᠎ᠳᠤ᠂ ᠲᠤᠷᠰᠢᠯᠲᠠ ᠬᠢᠬᠦ ᠬᠦᠷᠢᠶ᠎ᠡ ᠬᠡᠪᠴᠢᠶ᠎ᠡ ᠵᠢ ᠪᠠᠷᠢᠯᠭ᠎ᠠ ᠵᠢᠨ ᠦᠢ᠍ᠯᠡᠰ᠂ ᠭᠡᠷ ᠪᠠᠶ᠋ᠢᠰᠢᠩ ᠭᠠᠵᠠᠷ ᠬᠦᠷᠦᠩᠭᠡ ᠵᠢᠨ ᠦᠢ᠍ᠯᠡᠰ᠂ ᠮᠥᠩᠭᠥᠨ ᠭᠦᠢ᠍ᠯᠭᠡᠭᠡᠨ᠎ᠤ ᠦᠢ᠍ᠯᠡᠰ ᠪᠠ ᠠᠮᠢᠳᠤᠷᠠᠯ᠎ᠤᠨ ᠦᠢ᠍ᠯᠡᠴᠢᠯᠡᠭᠡᠨ᠎ᠤ ᠦᠢ᠍ᠯᠡᠰ ᠬᠦᠷᠲᠡᠯ᠎ᠡ ᠥᠷᠭᠡᠳᠬᠡᠵᠦ᠂ ᠥᠷᠳᠡᠭ ᠨᠡᠮᠡᠭᠳᠡᠯ᠎ᠤᠨ ᠭᠠᠶ᠋ᠢᠯᠢ ᠵᠢᠨ ᠡᠳ᠋ ᠪᠠᠷᠠᠭ᠎ᠠ ᠪᠠ ᠦᠢ᠍ᠯᠡᠴᠢᠯᠡᠭᠡ ᠵᠢ ᠪᠦᠷᠢᠨ ᠬᠠᠮᠤᠷᠬᠤ ᠵᠢ ᠪᠡᠶᠡᠯᠡᠭᠦᠯᠦᠨ᠎ᠡ᠃ ᠡᠭᠦᠨ᠎ᠳᠤ᠂ ᠪᠠᠷᠢᠯᠭ᠎ᠠ ᠵᠢᠨ ᠦᠢ᠍ᠯᠡᠰ ᠪᠠ ᠭᠡᠷ ᠭᠠᠵᠠᠷ ᠬᠥᠷᠤᠨᠭ᠌ᠭᠡ᠎ᠳᠤ 11% ᠵᠢᠨ ᠭᠠᠶ᠋ᠢᠯᠢ ᠵᠢᠨ ᠨᠤᠷᠮ᠎ᠠ ᠵᠢ ᠲᠣᠬᠢᠷᠠᠭᠤᠯᠤᠨ ᠬᠡᠷᠡᠭᠯᠡᠵᠦ᠂ ᠮᠥᠩᠭᠥᠨ ᠭᠦᠢ᠍ᠯᠭᠡᠭᠡᠨ᠎ᠤ ᠦᠢ᠍ᠯᠡᠰ ᠪᠠ ᠠᠮᠢᠳᠤᠷᠠᠯ᠎ᠤᠨ ᠦᠢ᠍ᠯᠡᠴᠢᠯᠡᠭᠡᠨ᠎ᠤ ᠦᠢ᠍ᠯᠡᠰ᠎ᠲᠤ 6 % ᠵᠢᠨ ᠭᠠᠶ᠋ᠢᠯᠢ ᠵᠢᠨ ᠨᠤᠷᠮ᠎ᠠ ᠵᠢ ᠲᠣᠬᠢᠷᠠᠭᠤᠯᠤᠨ ᠬᠡᠷᠡᠭᠯᠡᠨ᠎ᠡ᠃ ᠬᠣᠶᠠᠷ᠎ᠲᠤ᠂ ᠭᠠᠶ᠋ᠢᠯᠢ ᠲᠤᠰᠢᠶᠠᠭᠴᠢ ᠰᠢᠨ᠎ᠡ᠎ᠪᠠᠷ ᠨᠡᠮᠡᠭᠳᠡᠭᠰᠡᠨ ᠦᠯᠦ ᠬᠥᠳᠡᠯᠬᠦ ᠬᠦᠷᠦᠨᠭᠭᠡ ᠵᠢᠨ ᠠᠭᠤᠯᠵᠤ ᠪᠠᠶ᠋ᠢᠭ᠎ᠠ ᠦᠷᠳᠡᠭ ᠨᠡᠮᠡᠭᠳᠡᠯ᠎ᠤᠨ ᠭᠠᠶ᠋ᠢᠯᠢ ᠵᠢᠨ ᠲᠤᠯᠭ᠋ᠠᠨ ᠰᠠᠭ᠋ᠠᠳᠬᠠᠬᠤ ᠬᠡᠪᠴᠢᠶᠡᠨ᠎ᠳᠤ ᠣᠷᠣᠭᠤᠯᠵᠤ᠂ ᠵᠢᠷᠤᠮᠵᠢᠭᠰᠠᠨ ᠬᠡᠷᠡᠭᠯᠡᠭᠡᠨ᠎ᠤ ᠬᠡᠯᠪᠡᠷᠢ ᠵᠢᠨ ᠥᠷᠲᠡᠭ ᠨᠡᠮᠡᠭᠳᠡᠯ᠎ᠤᠨ ᠭᠠᠢ᠍ᠯᠢ ᠵᠢᠨ ᠳᠦᠷᠢᠮ᠎ᠢ ᠨᠡᠯᠢᠶᠡᠳ ᠪᠦᠷᠢᠨ ᠪᠦᠲᠦᠨ ᠪᠡᠶᠡᠯᠡᠭᠦᠯᠦᠨ᠎ᠡ᠃ ᠦᠢ᠍ᠯᠡᠳᠬᠦ ᠦᠢ᠍ᠯᠡᠰ᠂ ᠬᠤᠳᠠᠯᠳᠤᠭ᠎ᠠ ᠵᠡᠷᠭᠡ ᠤᠤᠯ᠎ᠤᠨ ᠥᠷᠲᠡᠭ ᠨᠡᠮᠡᠭᠳᠡᠯ᠎ᠤᠨ ᠭᠠᠶ᠋ᠢᠯᠢ ᠵᠢᠨ ᠡᠩ᠎ᠤᠨ ᠭᠠᠶ᠋ᠢᠯᠢ ᠲᠤᠰᠢᠶᠠᠭᠴᠢ ᠴᠦ᠍ ᠲᠡᠷᠡ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢᠨ ᠡᠩ᠎ᠤᠨ ᠭᠠᠶ᠋ᠢᠯᠢ ᠲᠤᠰᠢᠶᠠᠭᠴᠢ ᠴᠦ᠍ ᠲᠡᠷᠡ ᠴᠥᠮ ᠥᠯᠥ ᠬᠥᠳᠡᠯᠬᠦ ᠬᠦᠷᠦᠩᠭᠡ᠎ᠳᠤ ᠪᠠᠭᠲᠠᠭᠰᠠᠨ ᠰᠢᠨ᠎ᠡ᠎ᠪᠠᠷ ᠨᠡᠮᠡᠭᠳᠡᠭᠰᠡᠨ ᠦᠷᠲᠡᠭ ᠨᠡᠮᠡᠭᠳᠡᠯ᠎ᠤᠨ ᠭᠠᠶ᠋ᠢᠯᠢ᠎ᠠᠴᠠ ᠲᠤᠯᠭ᠋ᠠᠨ ᠰᠠᠭ᠋ᠠᠳᠬᠠᠵᠤ ᠪᠣᠯᠣᠨ᠎ᠠ᠃
      ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠵᠢ ᠪᠦᠬᠦ ᠲᠠᠯ᠎ᠠ᠎ᠪᠠᠷ ᠬᠡᠷᠡᠭᠵᠢᠭᠦᠯᠬᠦ᠎ᠨᠢ᠂ ᠭᠠᠶ᠋ᠢᠯᠢ ᠲᠤᠰᠢᠶᠠᠭᠴᠢ᠎ᠳᠤ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠵᠦ᠂ ᠠᠵᠤ ᠠᠬᠤᠶ᠎ᠳᠤ ᠬᠥᠳᠡᠯᠭᠡᠭᠴᠢ ᠬᠦᠴᠦᠨ᠎ᠢ ᠨᠡᠮᠡᠭᠳᠡᠭᠦᠯᠵᠦ᠂ ᠵᠠᠰᠠᠭ᠎ᠤᠨ ᠣᠷᠳᠣᠨ᠎ᠤ ᠣᠷᠣᠯᠭ᠎ᠠ ᠵᠢ 《ᠬᠠᠰᠤᠬᠤ》᠎ᠪᠠᠷ ᠭᠠᠶ᠋ᠢᠯᠢ ᠲᠤᠰᠢᠶᠠᠭᠴᠢ ᠵᠢᠨ ᠦᠷ᠎ᠡ ᠠᠰᠢᠭ᠎ᠤᠨ 《ᠨᠡᠮᠡᠬᠦ》 ᠪᠠ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠳᠤ 《ᠦᠷᠡᠵᠢᠭᠦᠯᠬᠦ》 ᠦᠢ᠍ᠯᠡᠳᠦᠯ᠎ᠢ ᠰᠣᠯᠢᠵᠤ ᠠᠪᠴᠢᠷᠠᠬᠤ ᠪᠣᠯᠣᠨ᠎ᠠ᠃

      ᠬᠥᠲᠥᠯᠥᠭᠴᠢ᠄
      ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠬᠤᠪᠢᠷᠠᠭᠤᠯᠬᠤ ᠵᠢ ᠪᠦᠬᠦ ᠲᠠᠯ᠎ᠠ᠎ᠪᠠᠷ   ᠬᠡᠷᠡᠭᠵᠢᠭᠦᠯᠬᠦ᠎ᠨᠢ ᠣᠳᠣᠬᠠᠨ᠎ᠤ ᠭᠠᠶ᠋ᠢᠯᠢ ᠵᠢᠨ ᠪᠠᠶ᠋ᠢᠭᠤᠯᠤᠯ᠎ᠤᠨ ᠬᠠᠮᠤᠭ᠎ᠤᠨ ᠲᠤᠯᠭ᠋ᠠᠮ᠎ᠠ ᠥᠭᠡᠷᠡᠴᠢᠯᠡᠯᠲᠡ ᠪᠣᠯᠣᠭᠰᠠᠨ᠎ᠤ ᠬᠤᠪᠢ᠎ᠳᠤ᠂ ᠠᠵᠤ ᠠᠬᠤᠶ ᠵᠢᠨ ᠳᠣᠲᠣᠷᠠᠬᠢ ᠡᠰ ᠨᠢᠭᠡᠪᠦᠷᠢ᠎ᠳᠤ ᠠᠰᠢᠭ ᠬᠥᠷᠲᠡᠭᠡᠬᠦ ᠪᠣᠯᠣᠨ᠎ᠠ᠂ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠬᠤᠪᠢᠷᠠᠭᠤᠯᠬᠤ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠲᠤᠷᠰᠢᠯᠲᠠ ᠵᠢᠨ ᠠᠴᠢ ᠬᠣᠯᠪᠣᠭᠳᠠᠯ᠎ᠢ ᠲᠠ ᠶᠠᠷᠢᠭ᠋ᠠᠳ ᠥᠭᠭᠦᠨ᠎ᠡ ᠦᠦ?

      ᠵᠠᠩ ᠱᠧ ᠠᠨ᠄
      ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠪᠣᠯ ᠡᠳ᠋᠎ᠤᠨ ᠵᠠᠰᠠᠭ᠎ᠤᠨ ᠭᠠᠶ᠋ᠢᠯᠢ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠴᠢᠬᠤᠯᠠ ᠠᠭᠤᠯᠭ᠎ᠠ ᠪᠠ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢᠨ ᠴᠢᠬᠤᠯᠠ ᠠᠷᠭ᠎ᠠ ᠬᠡᠮᠵᠢᠶ᠎ᠡ ᠮᠥᠨ᠂ ᠡᠬᠢᠨ᠎ᠤ ᠦᠶ᠎ᠡ ᠵᠢᠨ ᠲᠤᠷᠰᠢᠯᠲᠠ ᠨᠢᠭᠡᠨᠲᠡ ᠢᠳᠡᠪᠬᠢᠲᠡᠶ ᠦᠷ᠎ᠡ ᠪᠦᠲᠦᠭᠡᠯ ᠣᠯᠤᠭᠰᠠᠨ ᠪᠠᠶ᠋ᠢᠨ᠎ᠠ᠂ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠪᠡᠯ᠂ ᠬᠠᠮᠤᠷᠬᠤ ᠬᠡᠪᠴᠢᠶ᠎ᠡ᠎ᠨᠢ ᠨᠡᠩ ᠥᠷᠭᠡᠨ᠂ ᠠᠴᠢ ᠬᠣᠯᠪᠣᠭᠳᠠᠯ᠎ᠨᠢ ᠨᠡᠩ ᠶᠡᠬᠡ ᠶᠤᠮ᠃
      ᠨᠢᠭᠡ᠎ᠳᠤ᠂ ᠥᠷᠳᠡᠭ ᠨᠡᠮᠡᠭᠳᠡᠯ᠎ᠤᠨ ᠭᠠᠶ᠋ᠢᠯᠢ᠎ᠨᠢ ᠡᠳ᠋ ᠪᠠᠷᠠᠭ᠎ᠠ ᠪᠠ ᠦᠢ᠍ᠯᠡᠴᠢᠯᠡᠭᠡ ᠵᠢ ᠪᠦᠷᠢᠨ ᠬᠠᠮᠤᠷᠬᠤ ᠵᠢ ᠪᠡᠶᠡᠯᠡᠭᠦᠯᠵᠦ᠂ ᠳᠠᠪᠬᠤᠷ ᠭᠠᠶ᠋ᠢᠯᠢ ᠲᠠᠲᠠᠪᠤᠷᠢᠯᠠᠬᠤ ᠵᠢ ᠦᠨᠳᠦᠰᠦᠨ᠎ᠳᠡᠭᠡᠨ ᠠᠷᠢᠯᠭ᠋ᠠᠵᠤ᠂ ᠥᠷᠲᠡᠭ ᠨᠡᠮᠡᠭᠳᠡᠯ᠎ᠤᠨ ᠭᠠᠶ᠋ᠢᠯᠢ ᠵᠢᠨ ᠲᠤᠯᠭ᠋ᠠᠨ ᠰᠠᠭ᠋ᠠᠳᠬᠠᠬᠤ ᠬᠡᠯᠬᠢᠶ᠎ᠡ ᠵᠢ ᠨᠡᠪᠲᠡᠷᠡᠭᠦᠯᠵᠦ᠂ ᠨᠡᠶ᠋ᠢᠭᠡᠮ᠎ᠤᠨ ᠠᠵᠢᠯ ᠬᠤᠪᠢᠶᠠᠨ ᠬᠠᠮᠵᠢᠯᠴᠠᠬᠤ ᠵᠢ ᠠᠬᠢᠭᠤᠯᠵᠦ᠂ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠪᠠ ᠦᠢ᠍ᠯᠡᠳᠬᠦ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠬᠦᠴᠦᠲᠡᠶ ᠳᠡᠮᠵᠢᠬᠦ ᠪᠣᠯᠣᠨ᠎ᠠ᠃
      ᠬᠣᠶᠠᠷ᠎ᠲᠤ᠂ ᠦᠯᠦ ᠬᠥᠳᠡᠯᠬᠦ ᠬᠦ᠍ᠷᠦᠩᠭᠡ ᠵᠢ ᠲᠤᠯᠭ᠋ᠠᠨ ᠰᠠᠭ᠋ᠠᠳᠬᠠᠬᠤ ᠬᠡᠪᠴᠢᠶᠡᠨ᠎ᠳᠤ ᠣᠷᠣᠭᠤᠯᠵᠤ᠂ ᠵᠢᠷᠤᠮᠵᠢᠭᠰᠠᠨ ᠬᠡᠷᠡᠭᠯᠡᠭᠡᠨ᠎ᠤ ᠬᠡᠯᠪᠡᠷᠢ ᠵᠢᠨ ᠦᠷᠳᠡᠭ ᠨᠡᠮᠡᠭᠳᠡᠯ᠎ᠤᠨ ᠭᠠᠶ᠋ᠢᠯᠢ ᠵᠢᠨ ᠳᠦᠷᠢᠮ᠎ᠢ ᠨᠡᠯᠢᠶᠡᠳ ᠪᠦᠷᠢᠨ ᠪᠦᠲᠦᠨ ᠪᠡᠶᠡᠯᠡᠭᠦᠯᠵᠦ᠂   ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢᠨ ᠪᠡᠯᠡ ᠣᠷᠣᠭᠤᠯᠤᠯᠲᠠ ᠵᠢ ᠥᠷᠭᠡᠳᠬᠡᠬᠦ᠎ᠳᠤ ᠠᠰᠢᠭᠲᠠᠶ ᠪᠣᠯᠵᠤ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢᠨ ᠡᠵᠡᠩᠨᠡᠯᠲᠡ ᠵᠢᠨ ᠠᠮᠢᠵᠢᠷᠠᠯ᠎ᠤᠨ ᠬᠦᠴᠦᠨ᠎ᠢ ᠴᠢᠩᠭ᠋ᠠᠳᠬᠠᠵᠤ᠂ ᠠᠵᠤ ᠠᠬᠤᠶ ᠵᠢᠨ ᠨᠡᠮᠡᠭᠳᠡᠯ᠎ᠢ ᠳᠠᠶ᠋ᠢᠴᠢᠯᠠᠬᠤ ᠪᠣᠯᠣᠨ᠎ᠠ᠃
      ᠭᠤᠷᠪᠠ᠎ᠳᠤ᠂ ᠭᠠᠶ᠋ᠢᠯᠢ ᠵᠢᠨ ᠡᠭᠦᠷᠭᠡᠯᠡᠯ᠎ᠢ ᠤᠯᠠᠮ ᠨᠢᠭᠡ ᠠᠯᠬᠤᠮ ᠬᠥᠩᠭᠡᠷᠡᠭᠦᠯᠵᠦ᠂ ᠣᠬᠣᠷ ᠬᠤᠭᠤᠴᠠᠭ᠋ᠠᠨ᠎ᠤ ᠡᠳ᠋᠎ᠤᠨ ᠵᠠᠰᠠᠭ᠎ᠤᠨ ᠣᠷᠣᠯᠭ᠎ᠠ ᠵᠢ 《ᠬᠠᠰᠤᠬᠤ》᠎ᠪᠠᠷ ᠦᠷᠭᠦᠯᠵᠢᠯᠡᠨ ᠬᠥᠭᠵᠢᠬᠦ 《ᠨᠡᠮᠡᠯᠲᠡ》ᠵᠢ ᠰᠣᠯᠢᠵᠤ ᠠᠪᠴᠢᠷᠠᠬᠤ ᠪᠣᠯᠤᠨ᠎ᠠ᠂ ᠠᠵᠤ ᠠᠬᠤᠶ ᠵᠢᠨ ᠳᠤᠮᠳᠠ ᠳᠡᠭᠡᠳᠦ ᠬᠤᠷᠳᠤᠴᠠ᠎ᠲᠠᠢ ᠨᠡᠮᠡᠭᠳᠡᠯ᠎ᠢ ᠪᠠᠲᠤᠯᠠᠵᠤ᠂ ᠳᠤᠮᠳᠠ ᠳᠡᠭᠡᠳᠦ ᠲᠦᠪᠰᠢᠨ ᠵᠦᠭ ᠳᠠᠪᠰᠢᠬᠤ᠎ᠳᠤ ᠪᠠᠲᠤ ᠪᠡᠬᠢ ᠰᠠᠭᠤᠷᠢ ᠲᠠᠯᠪᠢᠬᠤ ᠪᠣᠯᠣᠨ᠎ᠠ᠃
      ᠲᠦᠷᠪᠡ᠎ᠳᠤ  ᠂ ᠨᠡᠩ ᠲᠥᠪ ᠭᠣᠣᠯᠴᠢ᠂ ᠳᠤᠮᠳᠠᠴᠢ ᠴᠢᠨᠠᠷᠲᠠᠶ ᠭᠠᠶ᠋ᠢᠯᠢ ᠲᠠᠲᠠᠪᠤᠷᠢᠯᠠᠬᠤ ᠣᠷᠴᠢᠨ ᠲᠣᠭᠣᠷᠢᠨ᠎ᠢ ᠡᠭᠦᠳᠦᠨ ᠪᠥᠲᠥᠭᠡᠵᠦ᠂ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠠᠵᠢᠯᠯᠠᠭ᠋ᠠᠨ᠎ᠤ ᠳᠤᠮᠳᠠᠬᠢ ᠦᠢ᠍ᠯᠡᠳᠦᠯ ᠪᠠ ᠠᠮᠢᠵᠢᠷᠠᠯ᠎ᠤᠨ ᠬᠦᠴᠦᠨ᠎ᠢ ᠪᠦᠲᠦᠮᠵᠢᠲᠡᠶ᠎ᠪᠠᠷ ᠪᠠᠳᠠᠷᠠᠭᠤᠯᠬᠤ ᠪᠣᠯᠣᠨ᠎ᠠ᠃
      ᠬᠥᠲᠥᠯᠥᠭᠴᠢ᠄
      ᠡᠵᠡᠩᠨᠡᠯᠲᠡ ᠵᠢᠨ ᠭᠠᠶ᠋ᠢᠯᠢ ᠵᠢ ᠦᠷᠲᠡᠭ ᠨᠡᠮᠡᠭᠳᠡᠯ᠎ᠤᠨ ᠭᠠᠢ᠌ᠯᠢ ᠪᠤᠯᠭ᠋ᠠᠨ ᠦᠭᠡᠷᠡᠴᠢᠯᠡᠬᠦ ᠲᠤᠷᠰᠢᠯᠲᠠ ᠵᠢ ᠬᠡᠷᠡᠭᠵᠢᠬᠦᠯᠦᠭᠡᠳ ᠨᠢᠭᠡᠨᠲᠡ 4 ᠵᠢᠯ ᠭᠠᠷᠤᠶ ᠪᠤᠯᠪᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠷᠰᠢᠯᠲᠠ ᠵᠢᠨ ᠠᠵᠢᠯᠯᠠᠭ᠋ᠠᠨ᠎ᠤ ᠪᠠᠶ᠋ᠢᠳᠠᠯ᠎ᠤᠨ ᠲᠤᠬᠠᠶ ᠲᠠᠨᠢᠯᠴᠠᠭᠤᠯᠤᠭ᠋ᠠᠳ ᠦᠭᠭᠦᠨ᠎ᠡ ᠤᠤ?
      ᠵᠠᠩ ᠱᠧ ᠠᠨ᠄
     5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠤᠯᠭ᠋ᠠᠨ ᠦᠭᠡᠷᠡᠴᠢᠯᠡᠬᠦ ᠲᠤᠷᠰᠢᠯᠲᠠ ᠵᠢ ᠪᠦᠬᠦ ᠲᠠᠯ᠎ᠠ᠎ᠪᠠᠷ ᠬᠡᠷᠡᠭᠵᠢᠬᠦᠯᠦᠨ᠎ᠡ᠂ ᠡᠨᠡ᠎ᠨᠢ 《12᠂ 5》 ᠵᠢᠨ ᠲᠦᠯᠦᠪᠵᠢᠬᠦᠯᠭᠡ ᠵᠢᠨ ᠬᠤᠭᠤᠴᠠᠭ᠋ᠠᠨ᠎ᠤ ᠤᠯᠤᠰ᠎ᠤᠨ ᠤᠯᠠᠨ ᠱᠠᠳᠤ ᠦᠶ᠎ᠡ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠦᠷᠭᠦᠯᠵᠢᠯᠡᠯ᠂ ᠠᠬᠢᠭᠤᠯᠤᠯ ᠪᠠ ᠭᠦᠨᠵᠡᠭᠡᠶ᠋ᠢᠷᠡᠭᠦᠯᠦᠯ ᠪᠤᠯᠤᠨ᠎ᠠ᠃
     2013 ᠤᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠤᠯᠭ᠋ᠠᠨ ᠦᠭᠡᠷᠡᠴᠢᠯᠡᠬᠦ ᠲᠤᠷᠰᠢᠯᠲᠠ ᠵᠢᠨ ᠬᠡᠪᠴᠢᠶ᠎ᠡ ᠵᠢ ᠪᠦᠬᠦ ᠤᠯᠤᠰ᠎ᠲᠤ ᠬᠦᠷᠲᠡᠯ᠎ᠡ ᠦᠷᠭᠡᠳᠭᠡᠬᠦ ᠵᠢ ᠳᠠᠭ᠋ᠠᠯᠳᠤᠨ᠂ ᠵᠠᠮ ᠲᠡᠭᠡᠭᠡᠪᠦᠷᠢ ᠪᠤᠯᠤᠨ ᠬᠡᠰᠡᠭ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠲᠤᠷᠰᠢᠯᠲᠠ ᠵᠢ ᠡᠬᠢᠯᠡᠭᠦᠯᠪᠡ᠃ ᠬᠡᠰᠡᠭ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠢ 7 ᠪᠣᠳᠠᠲᠠᠶ ᠠᠵᠢᠯ ᠲᠦᠷᠦᠯ᠎ᠳᠤ ᠬᠤᠪᠢᠶᠠᠵᠤ ᠪᠣᠯᠤᠨ᠎ᠠ᠂ ᠡᠨᠡᠬᠦ ᠱᠠᠲᠤᠨ᠎ᠤ ᠲᠤᠷᠰᠢᠯᠲᠠ ᠵᠢ 《1 + 7》 ᠵᠢᠨ ᠠᠵᠢᠯ ᠲᠥᠷᠥᠯ᠎ᠤᠨ ᠲᠤᠷᠰᠢᠯᠲᠠ ᠭᠡᠳᠡᠭ᠃ 2014 ᠤᠨ᠎ᠤ 1 ᠳ᠋ᠤᠭᠡᠷ ᠰᠠᠷ᠎ᠠ ᠵᠢᠨ 1᠎ᠤ ᠡᠳᠦᠷ᠂ ᠲᠡᠮᠦᠷ ᠵᠠᠮ᠎ᠤᠨ ᠲᠡᠭᠡᠭᠡᠪᠦᠷᠢ᠂ ᠰᠢᠦᠳᠠᠨ᠎ᠤ ᠦᠢ᠍ᠯᠡᠰ᠎ᠢ ᠪᠥᠬᠥ ᠤᠯᠤᠰ᠎ᠤᠨ ᠲᠤᠷᠰᠢᠯᠲᠠ᠎ᠳᠤ ᠤᠷᠤᠭᠤᠯᠪᠠ᠂ ᠡᠭᠦᠨ᠎ᠠᠴᠠ ᠡᠬᠢᠯᠡᠨ ᠵᠠᠮ ᠲᠡᠭᠡᠭᠡᠪᠦᠷᠢ ᠵᠢᠨ ᠪᠦᠬᠦ ᠠᠵᠢᠯ ᠲᠦᠷᠦᠯ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠤᠯᠭ᠋ᠠᠨ ᠦᠭᠡᠷᠡᠴᠢᠯᠡᠬᠦ ᠵᠢ ᠪᠡᠶᠡᠯᠡᠭᠦᠯᠪᠡ᠃ 2014 ᠤᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠂ ᠴᠠᠬᠢᠯᠭ᠋ᠠᠨ ᠬᠣᠯᠪᠣᠭ᠋ᠠᠨ᠎ᠤ ᠦᠢ᠍ᠯᠡᠰ᠎ᠢ ᠲᠤᠷᠰᠢᠯᠲᠠ᠎ᠳᠤ ᠤᠷᠤᠭᠤᠯᠵᠤ᠂ 《3 + 7》 ᠵᠢᠨ ᠠᠵᠢᠯ ᠲᠥᠷᠥᠯ᠎ᠤᠨ ᠲᠤᠷᠰᠢᠯᠲᠠ ᠵᠢᠨ ᠪᠠᠶ᠋ᠢᠷᠢᠰᠢᠯ᠎ᠢ ᠪᠤᠢ ᠪᠤᠯᠭ᠋ᠠᠭᠰᠠᠨ ᠪᠠᠢ᠌ᠨ᠎ᠠ᠃
      ᠵᠠᠩ ᠱᠧ ᠠᠨ᠄
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠦᠷᠦᠭᠦᠦ ᠭᠤᠷᠪᠠᠨ ᠱᠠᠳᠤ ᠦᠶ᠎ᠡ᠎ᠳᠤ ᠬᠡᠷᠡᠭᠵᠢᠬᠦᠯᠦᠭᠰᠡᠨ 《3 + 7》 ᠵᠢᠨ ᠠᠵᠢᠯ ᠲᠥᠷᠥᠯ᠎ᠤᠨ ᠲᠤᠷᠰᠢᠯᠲᠠ᠎ᠨᠢ ᠴᠥᠮ ᠤᠷᠤᠭᠰᠢᠲᠠᠶ ᠡᠬᠢᠯᠡᠭᠰᠡᠨ ᠪᠠ ᠰᠢᠯᠤᠭᠤᠨ ᠲᠣᠭᠲᠠᠭᠤᠨ ᠵᠶ᠋ᠠᠷ ᠶᠠᠪᠤᠭᠳᠠᠵᠤ᠂ ᠨᠢᠭᠡᠨᠲᠡ ᠭᠠᠶ᠋ᠢᠯᠢ ᠵᠢᠨ ᠳᠦᠷᠢᠮ᠎ᠢ ᠬᠤᠪᠢᠷᠠᠭᠤᠯᠬᠤ ᠱᠠᠲᠤᠨ᠎ᠠᠴᠠ ᠬᠡᠪ ᠪᠠᠢ᠌ᠳᠠᠯ᠎ᠤᠨ ᠠᠵᠢᠯᠯᠠᠭ᠋ᠠᠨ᠎ᠤ ᠱᠠᠲᠤᠨ᠎ᠳᠤ ᠰᠢᠯᠵᠢᠭᠰᠡᠨ ᠪᠠᠢ᠌ᠨ᠎ᠠ᠃ ᠶᠡᠷᠦᠩᠬᠡᠶ ᠪᠠᠶ᠋ᠢᠳᠠᠯ᠎ᠠᠴᠠ ᠠᠪᠴᠤ ᠦᠵᠡᠪᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠦᠨᠡᠬᠢ ᠬᠤᠭᠤᠴᠠᠭ᠋ᠠᠨ᠎ᠤ ᠲᠤᠷᠰᠢᠯᠲᠠ ᠵᠢᠨ ᠠᠵᠢᠯ ᠤᠷᠤᠭᠰᠢᠲᠠᠶ ᠶᠠᠪᠤᠭᠳᠠᠵᠤ᠂ ᠥᠭᠡᠷᠡᠴᠢᠯᠡᠯᠲᠡ ᠵᠢᠨ ᠠᠰᠢᠭ᠂ ᠲᠦᠷᠦ ᠵᠢᠨ ᠪᠤᠳᠤᠯᠭ᠎ᠠ ᠵᠢᠨ ᠠᠰᠢᠭ ᠦᠷᠭᠦᠯᠵᠢᠯᠡᠨ ᠤᠷᠬᠢᠯᠤᠨ ᠭᠠᠷᠴᠤ᠂ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠬᠠᠷᠠᠯᠲᠠ ᠵᠢ ᠨᠡᠯᠢᠶᠡᠳ ᠰᠠᠢ᠍ᠢ᠍ᠨ ᠪᠡᠶᠡᠯᠡᠭᠦᠯᠦᠭᠰᠡᠨ ᠪᠠᠶ᠋ᠢᠨ᠎ᠠ᠃
      ᠬᠥᠲᠥᠯᠥᠭᠴᠢ᠄
      ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠤᠯᠭ᠋ᠠᠨ ᠦᠬᠡᠷᠡᠴᠢᠯᠡᠬᠦ ᠵᠢ ᠪᠦᠬᠦ ᠲᠠᠯ᠎ᠠ᠎ᠪᠠᠷ ᠬᠡᠷᠡᠭᠵᠢᠬᠦᠯᠦᠭᠰᠡᠨ᠎ᠤ ᠳᠠᠷᠠᠭ᠎ᠠ ᠲᠤᠷᠰᠢᠯᠲᠠ ᠵᠢᠨ ᠠᠵᠢᠯ ᠲᠥᠷᠥᠯ᠎ᠤᠨ ᠭᠠᠶ᠋ᠢᠯᠢ ᠵᠢᠨ ᠡᠭᠦᠷᠭᠡᠯᠡᠯ᠎ᠢ ᠪᠠᠭ᠋ᠠᠰᠬᠠᠬᠤ᠎ᠠᠴᠠ ᠪᠢᠰᠢ ᠨᠡᠮᠡᠭᠳᠡᠭᠦᠯᠬᠦ ᠦᠭᠡᠶ ᠬᠡᠵᠤ ᠳᠤᠷᠠᠳᠪᠠ᠂ ᠡᠨᠡ ᠬᠦ᠌ ᠬᠠᠷᠠᠯᠲᠠ ᠵᠢ ᠬᠡᠷᠬᠢᠨ ᠪᠡᠶᠡᠯᠡᠭᠦᠯᠬᠦ ᠲᠤᠬᠠᠶ ᠲᠠᠨᠢᠯᠴᠠᠭᠤᠯᠤᠭ᠋ᠠᠳ ᠦᠭᠭᠦᠨ᠎ᠡ ᠤᠤ?
      ᠵᠠᠩ ᠱᠧ ᠠᠨ᠄
      ᠨᠢᠭᠡᠳᠦᠭᠡᠷ᠎ᠲᠤ᠂ ᠤᠯᠤᠰ᠎ᠠᠴᠠ ᠳᠡᠭᠡᠪᠦᠷ ᠵᠢᠷᠤᠭ ᠲᠥᠯᠥᠪᠯᠡᠭᠡ ᠵᠢ ᠲᠤᠭᠲᠠᠭ᠋ᠠᠬᠤ ᠲᠠᠯ᠎ᠠ᠎ᠪᠠᠷ᠂ ᠲᠦᠷᠢᠮ᠎ᠤᠨ ᠲᠦᠯᠦᠪᠯᠡᠭᠡ ᠵᠢ ᠪᠠᠭ᠋ᠠᠰᠬᠠᠬᠤ᠎ᠠᠴᠠ ᠪᠢᠰᠢ ᠨᠡᠮᠡᠭᠳᠡᠭᠦᠯᠬᠦ ᠦᠭᠡᠶ ᠪᠠᠢ᠌ᠬᠤ ᠵᠢ ᠪᠠᠲᠤᠯᠠᠨ᠎ᠠ᠃ ᠨᠢᠭᠡ᠎ᠳᠤ  ᠂ ᠦᠷᠳᠡᠭ ᠨᠡᠮᠡᠭᠳᠡᠯ᠎ᠤᠨ ᠭᠠᠶ᠋ᠢᠯᠢ ᠵᠢᠨ ᠠᠵᠢᠯᠯᠠᠭ᠎ᠠ ᠵᠢ ᠵᠢᠷᠤᠮᠵᠢᠭᠤᠯᠤᠭᠰᠠᠨ ᠤᠷᠢᠲᠠᠯ ᠳᠣᠣᠷ᠎ᠠ᠂ ᠡᠳ᠋᠎ᠤᠨ ᠵᠠᠰᠠᠭ᠎ᠤᠨ ᠡᠭᠦᠷᠭᠡᠯᠡᠬᠦ ᠴᠢᠳᠠᠪᠤᠷᠢ ᠪᠤᠯᠤᠨ ᠠᠳᠠᠯᠢ ᠪᠤᠰᠤ ᠠᠵᠢᠯ ᠲᠦᠷᠦᠯ᠎ᠤᠨ ᠬᠥᠭᠵᠢᠯᠲᠡ ᠵᠢᠨ ᠣᠨᠴᠠᠯᠢᠭ᠎ᠢ ᠦᠨᠳᠦᠰᠦᠯᠡᠨ᠂ ᠡᠯ᠎ᠡ ᠵᠦᠢ᠍ᠯ᠎ᠤᠨ ᠭᠠᠶ᠋ᠢᠯᠢ ᠵᠢᠨ ᠲᠦᠷᠢᠮ᠎ᠤᠨ ᠡᠯᠧᠮᠧᠨ᠋ᠲ᠂ ᠢᠯᠠᠩᠭᠤᠶ᠎ᠠ ᠲᠤᠷᠰᠢᠯᠲᠠ ᠵᠢᠨ ᠠᠵᠢᠯ ᠲᠦᠷᠦᠯ᠎ᠤᠨ ᠭᠠᠢ᠌ᠯᠢ ᠵᠢᠨ ᠨᠤᠷᠮ᠎ᠠ ᠵᠢ ᠳᠦᠯᠦᠪᠡᠯᠡᠬᠦ᠎ᠳᠤ ᠳᠠᠬᠢᠨ ᠳᠠᠪᠲᠠᠨ ᠲᠤᠩᠭ᠋ᠠᠨ ᠪᠤᠳᠤᠯᠬᠢᠯᠠᠬᠤ ᠪᠠ ᠵᠢᠱ᠌ᠢᠨ ᠪᠤᠳᠤᠬᠤ ᠵᠢ ᠵᠦᠢ ᠵᠣᠬᠢᠰᠲᠠᠶ ᠪᠠᠶ᠋ᠢᠷᠢᠯᠠᠭᠤᠯᠵᠤ᠂ ᠲᠤᠷᠰᠢᠯᠲᠠ ᠵᠢᠨ ᠠᠵᠢᠯ ᠲᠦᠷᠦᠯ᠎ᠤᠨ ᠶᠡᠷᠦᠩᠬᠡᠶ ᠭᠠᠶ᠋ᠢᠯᠢ ᠵᠢᠨ ᠡᠭᠦᠷᠭᠡᠯᠡᠯ᠎ᠢ ᠨᠡᠮᠡᠭᠳᠡᠭᠦᠯᠬᠦ ᠦᠭᠡᠢ ᠪᠠᠢ᠌ᠬᠤ ᠵᠢ ᠦᠨᠡᠨ ᠬᠦ᠌ ᠪᠠᠲᠤᠯᠠᠪᠠ᠃ ᠬᠣᠶᠠᠷ᠎ᠲᠤ᠂ ᠰᠢᠨ᠎ᠡ᠎ᠪᠠᠷ ᠨᠡᠮᠡᠭᠳᠡᠭᠰᠡᠨ ᠦᠯᠦ ᠬᠥᠳᠡᠯᠬᠦ ᠬᠦᠷᠦᠨᠭᠭᠡ ᠵᠢᠨ ᠠᠭᠤᠯᠬᠤ ᠦᠷᠳᠡᠭ ᠨᠡᠮᠡᠭᠳᠡᠯ᠎ᠤᠨ ᠭᠠᠶ᠋ᠢᠯᠢ ᠵᠢ ᠪᠦᠬᠦᠨ᠎ᠢ ᠲᠤᠯᠭ᠋ᠠᠨ ᠰᠠᠭ᠋ᠠᠳᠬᠠᠬᠤ ᠬᠡᠪᠴᠢᠶᠡᠨ᠎ᠳᠤ ᠣᠷᠣᠭᠤᠯᠵᠤ᠂ ᠥᠷᠲᠡᠭ ᠨᠡᠮᠡᠭᠳᠡᠯ᠎ᠤᠨ ᠭᠠᠶ᠋ᠢᠯᠢ ᠵᠢᠨ ᠡᠩ᠎ᠤᠨ ᠭᠠᠶ᠋ᠢᠯᠢ ᠲᠤᠰᠢᠶᠠᠭᠴᠢ ᠬᠤᠳᠠᠯᠳᠤᠨ ᠠᠪᠬᠤ᠂ ᠳᠦᠷᠢᠶᠡᠰᠦᠯᠡᠬᠦ᠂ ᠦᠪᠡᠷᠲᠡᠭᠡᠨ ᠪᠠᠢ᠌ᠭᠤᠯᠬᠤ ᠵᠡᠷᠭᠡ ᠠᠷᠭ᠎ᠠ ᠮᠠᠶᠢᠭ ᠵᠶ᠋ᠠᠷ ᠰᠢᠨ᠎ᠡ᠎ᠪᠠᠷ ᠨᠡᠮᠡᠭᠳᠡᠭᠰᠡᠨ ᠦᠯᠦ ᠬᠥᠳᠡᠯᠬᠦ ᠬᠦᠷᠦᠨᠭᠭᠡ ᠵᠢᠨ ᠵᠠᠷᠤᠴᠠᠭᠤᠯᠤᠭᠰᠠᠨ ᠦᠷᠳᠡᠭ ᠨᠡᠮᠡᠭᠳᠡᠯ᠎ᠤᠨ ᠭᠠᠶ᠋ᠢᠯᠢ ᠵᠢ ᠴᠥᠮ ᠲᠤᠯᠭ᠋ᠠᠨ ᠰᠠᠭᠤᠳᠬᠠᠵᠤ ᠪᠣᠯᠤᠨ᠎ᠠ᠂ ᠡ᠊ᠨᠡ ᠬᠦ᠌ ᠠᠷᠭ᠎ᠠ ᠬᠡᠮᠵᠢᠶ᠎ᠡ ᠵᠢᠨ ᠭᠠᠶ᠋ᠢᠯᠢ ᠬᠦᠨᠭᠭᠡᠷᠡᠭᠦᠯᠬᠦ ᠡᠷᠴᠢᠮ᠎ᠨᠢ ᠤᠷᠢᠳ ᠡᠮᠦᠨ᠎ᠡ ᠭᠠᠷᠤᠭ᠎ᠠ ᠦᠭᠡᠶ ᠮᠦᠷᠲᠡᠭᠡᠨ ᠠᠰᠢᠭ ᠬᠦᠷᠳᠡᠬᠦ ᠬᠡᠪᠴᠢᠶ᠎ᠡ᠎ᠨᠢ ᠴᠤ᠌ ᠨᠡᠯᠢᠶᠡᠳ ᠥᠷᠭᠡᠨ ᠶᠤᠮ᠃ ᠭᠤᠷᠪᠠ᠎ᠳᠤ᠂ ᠰᠢᠨ᠎ᠡ᠎ᠪᠠᠷ ᠨᠡᠮᠡᠭᠳᠡᠭᠰᠡᠨ ᠲᠤᠷᠰᠢᠯᠲᠠ ᠵᠢᠨ ᠠᠵᠢᠯ ᠲᠦᠷᠦᠯ᠎ᠤᠨ ᠤᠤᠯ᠎ᠤᠨ ᠡᠵᠡᠩᠨᠡᠯᠲᠡ ᠵᠢᠨ ᠭᠠᠶ᠋ᠢᠯᠢ ᠵᠢᠨ ᠬᠠᠷᠠᠭ᠋ᠠᠯᠵᠠᠯ᠎ᠤᠨ ᠲᠥᠷᠥ ᠵᠢᠨ ᠪᠤᠳᠤᠯᠭ᠎ᠠ ᠵᠢ ᠵᠠᠷᠴᠢᠮ ᠳᠡᠭᠡᠷ᠎ᠡ ᠮᠦᠨ ᠦᠷᠭᠦᠯᠵᠢᠯᠡᠭᠦᠯᠵᠤ᠂ ᠬᠠᠭᠤᠴᠢᠨ ᠭᠡᠷ᠎ᠡ᠂ ᠬᠠᠭᠤᠴᠢᠨ ᠲᠦᠷᠦᠯ ᠵᠦᠢ᠍ᠯ ᠵᠢᠴᠢ ᠣᠨᠴᠠᠭ᠋ᠠᠶ ᠠᠵᠢᠯ ᠲᠦᠷᠦᠯ᠎ᠳᠤ ᠰᠢᠯᠵᠢᠯᠲᠡ ᠵᠢᠨ ᠴᠢᠨᠠᠷ᠎ᠲᠠᠢ ᠠᠷᠭ᠎ᠠ ᠬᠡᠮᠵᠢᠶ᠎ᠡ ᠠᠪᠴᠤ᠂ ᠲᠡᠷᠡᠴᠢᠯᠡᠨ ᠡᠵᠡᠩᠨᠡᠯᠲᠡ ᠵᠢᠨ ᠭᠠᠶ᠋ᠢᠯᠢ ᠵᠢ ᠤᠢ᠍ᠷᠳᠡᠭ ᠨᠡᠮᠡᠭᠳᠡᠯ᠎ᠤᠨ ᠭᠠᠢ᠌ᠯᠢ ᠪᠤᠯᠭ᠋ᠠᠨ ᠦᠭᠡᠷᠡᠴᠢᠯᠡᠬᠦ ᠲᠤᠷᠰᠢᠯᠲᠠ ᠵᠢ ᠪᠦᠬᠦ ᠲᠠᠯ᠎ᠠ᠎ᠪᠠᠷ ᠬᠡᠷᠡᠭᠵᠢᠬᠦᠯᠬᠦ ᠵᠢ ᠤᠯᠠᠮ ᠨᠢᠭᠡ ᠠᠯᠬᠤᠮ ᠪᠠᠲᠤᠯᠠᠭᠰᠠᠨ᠎ᠤ ᠲᠠᠷᠠᠭ᠎ᠠ᠂ ᠲᠤᠷᠰᠢᠯᠲᠠ ᠵᠢᠨ ᠠᠵᠢᠯ ᠲᠦᠷᠦᠯ᠎ᠢ ᠪᠦᠬᠦ ᠲᠠᠯ᠎ᠠ᠎ᠪᠠᠷ ᠭᠠᠶ᠋ᠢᠯᠢ ᠬᠦᠨᠭᠭᠡᠷᠡᠭᠦᠯᠬᠦ ᠲᠦᠷᠦ ᠵᠢᠨ ᠪᠤᠳᠤᠯᠭ᠎ᠠ ᠵᠢᠨ ᠦᠷ᠎ᠡ ᠪᠦᠲᠦᠭᠡᠯ᠎ᠢ ᠶᠡᠷᠦᠩᠬᠡᠶ᠎ᠳᠡᠭᠡᠨ ᠪᠡᠶᠡᠯᠡᠬᠦᠯᠦᠨ᠎ᠡ᠃
      ᠬᠣᠶᠠᠳᠤᠭ᠋ᠠᠷ᠎ᠲᠤ᠂ ᠲᠥᠷᠥ ᠵᠢᠨ ᠪᠣᠳᠣᠯᠭ᠎ᠠ ᠵᠢ ᠬᠡᠷᠡᠭᠵᠢᠬᠦᠯᠬᠦ ᠲᠠᠯ᠎ᠠ᠎ᠪᠠᠷ᠂ ᠭᠠᠶ᠋ᠢᠯᠢ ᠲᠤᠰᠢᠶᠠᠭᠴᠢ ᠵᠢᠨ ᠡᠳ᠋᠎ᠤᠨ ᠶᠠᠪᠤᠳᠠᠯ᠎ᠤᠨ ᠠᠵᠢᠯᠲᠠᠨ᠎ᠢ ᠢᠳᠡᠪᠬᠢᠲᠡᠶ ᠬᠠᠪᠰᠤᠷᠤᠨ ᠪᠤᠯᠪᠠᠰᠤᠷᠠᠭᠤᠯᠵᠤ ᠡᠨᠡ ᠤᠳᠠᠭ᠋ᠠᠨ᠎ᠤ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠤᠯᠭ᠋ᠠᠨ ᠦᠬᠡᠷᠡᠴᠢᠯᠡᠬᠦ ᠲᠦᠷᠦ ᠵᠢᠨ ᠪᠤᠳᠤᠯᠭ᠎ᠠ ᠵᠢ ᠶᠠᠭ᠋ᠠᠬᠢᠵᠤ ᠲᠤᠭᠲᠠᠭ᠋ᠠᠭᠰᠠᠨ᠂ ᠲᠦᠷᠦ ᠵᠢᠨ ᠪᠤᠳᠤᠯᠭ᠎ᠠ ᠵᠢᠨ ᠠᠭᠤᠯᠤᠭᠳᠠᠬᠤᠨ᠎ᠨᠢ ᠶᠠᠭᠤ ᠪᠣᠯᠬᠤ᠂ ᠰᠢᠨ᠎ᠡ ᠦᠷᠲᠡᠭ ᠨᠡᠮᠡᠭᠳᠡᠯ᠎ᠤᠨ ᠭᠠᠢ᠌ᠯᠢ ᠵᠢᠨ ᠲᠣᠭᠲᠠᠴᠠ ᠳᠤᠤᠷ᠎ᠠ ᠭᠠᠶ᠋ᠢᠯᠢ ᠲᠤᠰᠢᠶᠠᠬᠤ ᠵᠢ ᠬᠡᠷᠬᠢᠨ ᠭᠤᠶᠤᠴᠢᠯᠠᠨ ᠮᠡᠳᠡᠭᠦᠯᠪᠡᠯ ᠲᠥᠷᠥ ᠵᠢᠨ ᠪᠣᠳᠣᠯᠭ᠎ᠠ ᠵᠢ ᠲᠡᠷᠡ ᠬᠡᠪ ᠵᠶ᠋ᠠᠷ᠎ᠨᠢ ᠨᠠᠢ᠌ᠳᠠᠪᠤᠷᠢᠵᠢᠭᠤᠯᠵᠤ ᠳᠡᠢ᠌ᠯᠬᠦ ᠵᠢ ᠤᠢ᠌ᠯᠭ᠋ᠠᠨ᠂ ᠪᠤᠷᠤᠭᠤ ᠣᠶ᠋ᠢᠯᠠᠭ᠋ᠠᠯᠲᠠ᠂ ᠪᠤᠷᠤᠭᠤ ᠮᠠᠭ᠋ᠠᠳᠯᠠᠯ ᠪᠤᠶᠤ ᠨᠢᠭᠡ ᠪᠦᠯᠦᠭ ᠭᠠᠢ᠌ᠯᠢ ᠵᠢᠨ ᠡᠭᠦᠷᠭᠡᠯᠡᠯ᠎ᠢ ᠵᠣᠷᠢᠭᠤᠳᠠ ᠰᠦᠷᠭᠡᠤ ᠨᠡᠮᠡᠭᠳᠡᠯ ᠪᠤᠯᠭ᠋ᠠᠬᠤ᠎ᠠᠴᠠ ᠵᠠᠢ᠌ᠯᠠᠰᠬᠢᠨ᠎ᠠ᠃ ᠲᠤᠢ᠍ᠷᠦ ᠵᠢᠨ ᠪᠤᠳᠦᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠲᠤᠷᠰᠢᠯᠲᠠ ᠵᠢᠨ ᠠᠵᠢᠯ ᠲᠥᠷᠥᠯ᠎ᠤᠨ ᠭᠠᠶ᠋ᠢᠯᠢ ᠵᠢᠨ ᠡᠭᠦᠷᠭᠡᠯᠡᠯ᠎ᠢ ᠪᠠᠭ᠋ᠠᠰᠬᠠᠬᠤ᠎ᠠᠴᠠ ᠪᠢᠰᠢ ᠨᠡᠮᠡᠭᠳᠡᠭᠦᠯᠬᠦ ᠦᠭᠡᠶ ᠪᠠᠢ᠌ᠬᠤ ᠵᠢ ᠦᠨᠡᠨ ᠬᠦ᠌ ᠪᠠᠲᠤᠯᠠᠬᠤ᠎ᠳᠤ᠂ ᠥᠷᠭᠡᠨ ᠤᠯᠠᠨ ᠭᠠᠶ᠋ᠢᠯᠢ ᠲᠤᠰᠢᠶᠠᠭᠴᠢ ᠪᠤᠯᠤᠨ ᠡᠳ᠋᠎ᠤᠨ ᠵᠠᠰᠠᠭ ᠭᠠᠶ᠋ᠢᠯᠢ ᠵᠢᠨ ᠰᠠᠯᠠᠭ᠎ᠠ ᠮᠥᠴᠢᠷ ᠬᠠᠮᠲᠤᠪᠡᠷ ᠴᠢᠷᠮᠠᠢ᠌ᠬᠤ ᠬᠡᠷᠡᠭᠲᠠᠢ ᠶᠤᠮ᠃ ᠭᠠᠶ᠋ᠢᠯᠢ ᠲᠤᠰᠢᠶᠠᠭᠴᠢ᠎ᠠᠴᠠ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠤᠯᠭ᠋ᠠᠨ ᠦᠭᠡᠷᠡᠴᠢᠯᠡᠬᠦ ᠲᠦᠷᠦ ᠵᠢᠨ ᠪᠤᠳᠤᠯᠭ᠎ᠠ ᠵᠢ ᠰᠠᠢ᠍ᠢ᠍ᠨ ᠰᠤᠷᠴᠦ᠂ ᠵᠣᠷᠢᠭ ᠰᠠᠨᠠᠭ᠎ᠠ ᠵᠢ ᠤᠢ᠌ᠯᠠᠭ᠋ᠠᠬᠤ ᠬᠡᠷᠡᠭᠲᠠᠢ; ᠲᠦᠷᠦ ᠵᠢᠨ ᠪᠤᠳᠤᠯᠭ᠎ᠠ ᠵᠢ ᠠᠰᠢᠭᠯᠠᠨ ᠲᠤᠬᠢᠷᠠᠭᠤᠯᠤᠨ ᠬᠠᠮᠢᠶᠠᠷᠴᠤ᠂ ᠰᠢᠢ᠍ᠳᠪᠦᠷᠢᠲᠦ ᠪᠤᠳᠤᠯᠭ᠎ᠠ ᠲᠤᠭᠲᠠᠭ᠋ᠠᠬᠤ ᠰᠡᠳᠬᠢᠴᠡ ᠵᠢ ᠰᠠᠢ᠌ᠲᠤᠷ ᠬᠡᠷᠡᠭᠯᠡᠬᠦ ᠬᠡᠷᠡᠭᠲᠠᠢ; ᠲᠡᠷᠡᠴᠢᠯᠡᠨ ᠦᠷᠳᠡᠭ ᠨᠡᠮᠡᠭᠳᠡᠯ᠎ᠤᠨ ᠭᠠᠶ᠋ᠢᠯᠢ ᠵᠢᠨ ᠲᠦᠷᠦ ᠵᠢᠨ ᠪᠤᠳᠤᠯᠭ᠎ᠠ ᠵᠢ ᠰᠠᠶ᠋ᠢᠲᠤᠷ ᠬᠦᠢ᠍ᠴᠡᠳᠭᠡᠬᠦ ᠬᠡᠷᠡᠭᠲᠡᠶ᠃       ᠬᠥᠲᠥᠯᠥᠭᠴᠢ᠄
      ᠡᠨᠡ ᠤᠳᠠᠭ᠋ᠠᠨ᠎ᠤ ᠠᠮᠢᠳᠤᠷᠠᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠤᠯᠭ᠋ᠠᠨ ᠦᠭᠡᠷᠡᠴᠢᠯᠡᠬᠦ᠎ᠳᠤ ᠤᠯᠠᠨ ᠠᠷᠪᠢᠨ ᠳᠤᠮᠳᠠ ᠵᠢᠵᠢᠭ ᠠᠵᠤ ᠠᠬᠤᠶ᠋ᠢᠯᠠᠯ᠎ᠤᠳ ᠬᠤᠯᠪᠤᠭᠳᠠᠨ᠎ᠠ᠂ ᠡᠳᠡᠭᠡᠷ ᠳᠤᠮᠳᠠ ᠵᠢᠵᠢᠭ ᠠᠵᠤ ᠠᠬᠤᠶ᠋ᠢᠯᠠᠯ᠎ᠤᠨ ᠲᠤᠰ ᠪᠡᠶ᠎ᠡ ᠵᠢᠨ ᠡᠳ᠋᠎ᠤᠨ ᠶᠠᠪᠤᠳᠠᠯ᠎ᠤᠨ ᠳᠦᠷᠢᠮ᠂ ᠨᠢᠭᠲᠠᠯᠠᠨ ᠪᠤᠳᠤᠬᠤ ᠳᠦᠷᠢᠮ᠎ᠨᠢ ᠪᠦᠷᠢᠨ ᠲᠡᠭᠦᠯᠳᠡᠷ ᠪᠢᠰᠢ ᠮᠠᠭ᠋ᠠᠳ᠂ ᠲᠡᠭᠡᠪᠡᠯ ᠡᠢ᠌ᠮᠦᠷᠬᠦᠦ ᠠᠵᠢᠯ ᠲᠥᠷᠥᠯ᠎ᠤᠨ ᠭᠠᠶ᠋ᠢᠯᠢ ᠵᠢᠨ ᠡᠭᠦᠷᠭᠡᠯᠡᠯ᠎ᠢ ᠪᠠᠭ᠋ᠠᠰᠬᠠᠬᠤ᠎ᠠᠴᠠ ᠪᠢᠰᠢ ᠨᠡᠮᠡᠭᠳᠡᠭᠦᠯᠬᠦ ᠦᠭᠡᠶ ᠪᠦᠭᠡᠳ ᠭᠠᠶ᠋ᠢᠯᠢ ᠵᠢᠨ ᠲᠦᠷᠢᠮ᠎ᠤᠨ ᠥᠭᠡᠷᠡᠴᠢᠯᠡᠯᠲᠡ᠎ᠠᠴᠠ ᠪᠤᠯᠵᠤ ᠳᠠᠷᠤᠭ᠋ᠠᠰᠤ ᠵᠢ᠎ᠨᠢ ᠨᠡᠮᠡᠭᠳᠡᠬᠦᠯᠬᠦ ᠦᠭᠡᠢ ᠪᠠᠢ᠌ᠬᠤ ᠵᠢ ᠬᠡᠷᠬᠢᠨ ᠪᠠᠲᠤᠯᠠᠬᠤ ᠪᠤᠢ?
      ᠵᠠᠩ ᠱᠧ ᠠᠨ᠄
      ᠥᠩᠭᠡᠷᠡᠭᠰᠡᠨ᠎ᠳᠤ ᠠᠮᠢᠳᠤᠷᠠᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠡᠵᠡᠩᠨᠡᠯᠲᠡ ᠵᠢᠨ ᠭᠠᠶ᠋ᠢᠯᠢ ᠵᠢᠨ ᠨᠤᠷᠮ᠎ᠠ᠎ᠨᠢ 5% ᠪᠠᠢ᠌ᠪᠠ᠂ ᠤᠳᠤ ᠠᠮᠢᠳᠤᠷᠠᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠳᠤᠮᠳᠠ ᠵᠢᠵᠢᠭ ᠠᠵᠤ ᠠᠬᠤᠶ᠋ᠢᠯᠠᠯ᠎ᠤᠨ ᠣᠯᠠᠩᠬᠢ᠎ᠨᠢ ᠥᠷᠲᠡᠭ ᠨᠡᠮᠡᠭᠳᠡᠯ᠎ᠤᠨ ᠭᠠᠶ᠋ᠢᠯᠢ ᠵᠢᠨ ᠪᠠᠭ᠎ᠠ ᠬᠡᠪᠴᠢᠶᠡᠨ᠎ᠤ ᠭᠠᠶ᠋ᠢᠯᠢ ᠲᠤᠰᠢᠶᠠᠭᠴᠢ ᠪᠤᠯᠵᠤ᠂ 3% ᠵᠢᠨ ᠭᠠᠶ᠋ᠢᠯᠢ ᠵᠢᠨ ᠨᠤᠷᠮ᠎ᠠ᠎ᠪᠠᠷ ᠭᠠᠢ᠌ᠯᠢ ᠲᠠᠲᠠᠪᠤᠷᠢᠯᠠᠵᠤ  ᠂ 5% ᠪᠠᠢ᠌ᠭᠰᠠᠨ᠎ᠠᠴᠠ 3% ᠪᠤᠯᠭ᠋ᠠᠨ ᠪᠠᠭᠤᠷᠠᠭᠤᠯᠵᠤ᠂ ᠭᠠᠶ᠋ᠢᠯᠢ ᠵᠢᠨ ᠡᠭᠦᠷᠭᠡᠯᠡᠯ᠎ᠨᠢ 40%᠎ᠪᠠᠷ ᠪᠠᠭ᠋ᠠᠰᠤᠭᠰᠠᠨ ᠪᠠᠶ᠋ᠢᠨ᠎ᠠ᠃ ᠡᠳᠡᠭᠡᠷ ᠭᠠᠶ᠋ᠢᠯᠢ ᠲᠤᠰᠢᠶᠠᠭᠴᠢ ᠵᠢ ᠬᠠᠪᠰᠤᠷᠤᠨ ᠦᠷᠳᠡᠭ ᠨᠡᠮᠡᠭᠳᠡᠯ᠎ᠤᠨ ᠭᠠᠶ᠋ᠢᠯᠢ ᠵᠢᠨ ᠲᠣᠭᠲᠠᠴᠠ ᠵᠢᠨ ᠬᠠᠮᠢᠶᠠᠷᠤᠯᠲᠠ ᠵᠢᠨ ᠱᠠᠭ᠋ᠠᠷᠳᠠᠯᠭ᠎ᠠ᠎ᠳᠤ ᠵᠤᠬᠢᠴᠠᠭᠤᠯᠵᠤ᠂ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ ᠪᠤᠯᠤᠨ ᠭᠠᠶ᠋ᠢᠯᠢ ᠲᠤᠰᠢᠶᠠᠭᠴᠢ ᠬᠠᠮᠲᠤ᠎ᠪᠠᠷ ᠰᠤᠳᠤᠯᠤᠨ ᠰᠢᠢ᠍ᠳᠪᠦᠷᠢᠯᠡᠬᠦ ᠪᠤᠯᠤᠨ᠎ᠠ᠃ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠭᠠᠶ᠋ᠢᠯᠢ ᠲᠤᠰᠢᠶᠠᠭᠴᠢ ᠵᠢᠨ ᠪᠤᠯᠪᠠᠰᠤᠷᠠᠭᠤᠯᠤᠯ᠎ᠢ ᠴᠢᠩᠭ᠋ᠠᠳᠬᠠᠵᠤ᠂ ᠭᠠᠶ᠋ᠢᠯᠢ ᠲᠤᠰᠢᠶᠠᠭᠴᠢ ᠵᠢᠨ ᠦᠢ᠍ᠯᠡᠴᠢᠯᠡᠭᠡ ᠪᠠ ᠬᠠᠪᠰᠤᠷᠤᠯᠭ᠎ᠠ ᠵᠢᠯᠤᠭᠤᠳᠤᠯᠭ᠎ᠠ ᠵᠢ ᠴᠢᠩᠭ᠋ᠠᠳᠬᠠᠵᠤ᠂ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠤᠯᠭ᠋ᠠᠨ ᠦᠭᠡᠷᠡᠴᠢᠯᠡᠬᠦ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠪᠤᠯᠤᠨ᠎ᠠ᠃
      ᠬᠥᠲᠥᠯᠥᠭᠴᠢ᠄
      ᠡᠵᠡᠩᠨᠡᠯᠲᠡ ᠵᠢᠨ ᠭᠠᠶ᠋ᠢᠯᠢ ᠵᠢ ᠦᠷᠲᠡᠭ ᠨᠡᠮᠡᠭᠳᠡᠯ᠎ᠤᠨ ᠭᠠᠢ᠌ᠯᠢ ᠪᠤᠯᠭ᠋ᠠᠨ ᠦᠭᠡᠷᠡᠴᠢᠯᠡᠬᠦ ᠲᠤᠷᠰᠢᠯᠲᠠ ᠵᠢ ᠪᠦᠭᠦ ᠲᠠᠯ᠎ᠠ᠎ᠪᠠᠷ ᠬᠡᠷᠡᠭᠵᠢᠬᠦᠯᠦᠭᠰᠡᠨ᠎ᠤ ᠳᠠᠷᠠᠭ᠎ᠠ᠂ ᠡᠮᠦᠨᠡᠬᠢ ᠬᠤᠭᠤᠴᠠᠭ᠋ᠠᠨ᠎ᠤ ᠲᠤᠷᠰᠢᠯᠲᠠ ᠵᠢᠨ ᠠᠵᠢᠯ ᠲᠦᠷᠦᠯ ᠪᠤᠯᠤᠨ ᠤᠤᠯ᠎ᠤᠨ ᠥᠷᠲᠡᠭ ᠨᠡᠮᠡᠭᠳᠡᠯ᠎ᠤᠨ ᠭᠠᠶ᠋ᠢᠯᠢ ᠵᠢᠨ ᠭᠠᠶ᠋ᠢᠯᠢ ᠲᠤᠰᠢᠶᠠᠭᠴᠢ ᠵᠢᠨ ᠭᠠᠶ᠋ᠢᠯᠢ ᠵᠢᠨ ᠡᠭᠦᠷᠭᠡᠯᠡᠯ᠎ᠳᠤ ᠶᠠᠮᠠᠷ ᠨᠥᠯᠥᠭᠡ ᠪᠤᠯᠬᠤ ᠪᠣᠢ?
      ᠵᠠᠩ ᠱᠧ ᠠᠨ᠄
      ᠲᠤᠰ ᠤᠳᠠᠭ᠎ᠠ ᠵᠢᠨ ᠡᠵᠡᠩᠨᠡᠯᠲᠡ ᠵᠢᠨ ᠭᠠᠶ᠋ᠢᠯᠢ ᠵᠢ ᠦᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢᠨ ᠬᠡᠪᠴᠢᠶ᠎ᠡ ᠵᠢ ᠪᠠᠷᠢᠯᠭ᠎ᠠ ᠵᠢᠨ ᠦᠢ᠍ᠯᠡᠰ᠂ ᠭᠡᠷ ᠭᠠᠵᠠᠷ ᠬᠦᠷᠦᠩᠭᠡ ᠵᠢᠨ ᠦᠢ᠍ᠯᠡᠰ᠂ ᠮᠥᠩᠭᠥᠨ ᠭᠦᠢ᠍ᠯᠭᠡᠭᠡᠨ᠎ᠤ ᠦᠢ᠍ᠯᠡᠰ᠂ ᠠᠮᠢᠳᠤᠷᠠᠯ᠎ᠤᠨ ᠦᠢ᠍ᠯᠡᠴᠢᠯᠡᠭᠡᠨ᠎ᠤ ᠦᠢ᠍ᠯᠡᠰ ᠬᠦᠷᠲᠡᠯ᠎ᠡ ᠥᠷᠭᠡᠳᠬᠡᠬᠦ ᠵᠢᠨ ᠬᠠᠮᠲᠤ ᠰᠢᠨ᠎ᠡ᠎ᠪᠠᠷ ᠨᠡᠮᠡᠭᠳᠡᠬᠦ ᠦᠯᠦ ᠬᠥᠳᠡᠯᠬᠦ ᠬᠦᠷᠦᠨᠭᠭᠡ ᠵᠢᠨ ᠠᠭᠤᠯᠵᠤ ᠪᠠᠶ᠋ᠢᠭ᠎ᠠ ᠦᠷᠳᠡᠭ ᠨᠡᠮᠡᠭᠳᠡᠯ᠎ᠤᠨ ᠭᠠᠶ᠋ᠢᠯᠢ ᠵᠢ ᠲᠤᠯᠭ᠋ᠠᠨ ᠰᠠᠭ᠋ᠠᠳᠬᠠᠬᠤ ᠬᠡᠪᠴᠢᠶᠡᠨ᠎ᠳᠤ ᠣᠷᠣᠭᠤᠯᠤᠭᠰᠠᠨ᠎ᠤ ᠳᠠᠷᠠᠭ᠎ᠠ᠂ ᠥᠷᠲᠡᠭ ᠨᠡᠮᠡᠭᠳᠡᠯ᠎ᠤᠨ ᠭᠠᠶ᠋ᠢᠯᠢ ᠵᠢᠨ ᠡᠩ᠎ᠤᠨ ᠭᠠᠶ᠋ᠢᠯᠢ ᠲᠤᠰᠢᠶᠠᠭᠴᠢ ᠬᠤᠳᠠᠯᠳᠤᠨ ᠠᠪᠬᠤ ᠪᠤᠶᠤ   ᠳᠡᠭᠡᠷ᠎ᠡ ᠳᠤᠷᠠᠳᠤᠭᠰᠠᠨ ᠲᠥᠷᠥᠯ ᠵᠦᠢ᠍ᠯ᠎ᠢ ᠲᠦᠷᠢᠶᠡᠰᠦᠯᠡᠨ ᠣᠷᠣᠭᠤᠯᠬᠤ᠎ᠳᠤ ᠵᠠᠷᠤᠴᠠᠭᠤᠯᠤᠭᠰᠠᠨ ᠦᠷᠲᠡᠭ ᠨᠡᠮᠡᠭᠳᠡᠯ᠎ᠤᠨ ᠭᠠᠶ᠋ᠢᠯᠢ ᠵᠢ ᠴᠥᠮ ᠲᠤᠯᠭ᠋ᠠᠨ ᠰᠠᠭᠤᠳᠬᠠᠵᠤ ᠪᠣᠯᠤᠨ᠎ᠠ᠃ ᠢᠯᠠᠩᠭᠤᠶ᠎ᠠ ᠦᠯᠦ ᠬᠥᠳᠡᠯᠬᠦ ᠬᠦᠷᠦᠨᠭᠭᠡ ᠵᠢ ᠲᠤᠯᠭ᠋ᠠᠨ ᠰᠠᠭᠤᠳᠬᠠᠬᠤ ᠬᠡᠪᠴᠢᠶᠡᠨ᠎ᠳᠤ ᠣᠷᠣᠭᠤᠯᠪᠠᠯ᠂ ᠭᠠᠶ᠋ᠢᠯᠢ ᠬᠥᠩᠭᠡᠷᠡᠭᠦᠯᠦᠭᠰᠡᠨ ᠭᠡᠪᠴᠢᠶ᠎ᠡ᠎ᠨᠢ ᠨᠡᠯᠢᠶᠡᠳ ᠶᠡᠬᠡ᠂ ᠠᠰᠢᠭ ᠬᠦᠷᠳᠡᠬᠦ ᠬᠡᠪᠴᠢᠶ᠎ᠡ᠎ᠨᠢ ᠨᠡᠯᠢᠶᠡᠳ ᠥᠷᠭᠡᠨ ᠪᠣᠯᠵᠤ᠂ ᠭᠠᠳᠠᠨ᠎ᠠ᠎ᠠᠴᠠ ᠬᠤᠳᠠᠯᠳᠤᠨ ᠠᠪᠬᠤ᠂ ᠲᠦᠷᠢᠶᠡᠰᠦᠯᠡᠬᠦ᠂ ᠥᠪᠡᠰᠦᠪᠡᠨ ᠪᠠᠢ᠌ᠭᠤᠯᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠰᠢᠨ᠎ᠡ᠎ᠪᠠᠷ ᠨᠡᠮᠡᠭᠳᠡᠭᠰᠡᠨ ᠦᠯᠦ ᠬᠥᠳᠡᠯᠬᠦ ᠬᠦᠷᠦᠡᠭᠭᠡ ᠵᠢᠨ ᠥᠷᠲᠡᠭ ᠨᠡᠮᠡᠭᠳᠡᠯ᠎ᠤᠨ ᠭᠠᠶ᠋ᠢᠯᠢ ᠵᠢᠨ ᠡᠩ᠎ᠤᠨ ᠭᠠᠶ᠋ᠢᠯᠢ ᠲᠤᠰᠢᠶᠠᠭᠴᠢ ᠪᠦᠬᠦᠨ ᠪᠦᠷ ᠡᠭᠦᠨ᠎ᠠᠴᠠ ᠠᠰᠢᠭ ᠭᠥᠷᠳᠡᠬᠦ ᠪᠣᠯᠤᠨ᠎ᠠ᠂ ᠡᠮᠦᠨᠡᠬᠢ ᠬᠤᠭᠤᠴᠠᠭ᠋ᠠᠨ᠎ᠤ ᠲᠤᠷᠰᠢᠯᠲᠠ ᠵᠢᠨ ᠭᠠᠶ᠋ᠢᠯᠢ ᠲᠤᠰᠢᠶᠠᠭᠴᠢᠳ᠎ᠤᠨ ᠶᠡᠷᠦᠩᠭᠡᠢ ᠭᠠᠶ᠋ᠢᠯᠢ ᠵᠢᠨ ᠡᠭᠦᠷᠭᠡᠯᠡᠯ ᠴᠤ᠌ ᠡᠭᠦᠨ᠎ᠠᠴᠠ ᠪᠤᠯᠵᠤ ᠪᠠᠭᠤᠷᠠᠬᠤ ᠪᠣᠯᠣᠨ᠎ᠠ᠃ ᠤᠤᠯ᠎ᠤᠨ ᠦᠷᠲᠡᠭ ᠨᠡᠮᠡᠭᠳᠡᠯ᠎ᠤᠨ ᠭᠠᠶ᠋ᠢᠯᠢ ᠵᠢᠨ ᠡᠩ᠎ᠤᠨ ᠭᠠᠶ᠋ᠢᠯᠢ ᠲᠤᠰᠢᠶᠠᠭᠴᠢ ᠵᠢᠨ ᠲᠤᠯᠭ᠋ᠠᠨ ᠰᠠᠭᠤᠳᠬᠠᠵᠤ ᠪᠣᠯᠬᠣᠢ᠌ᠴᠠ ᠲᠥᠷᠥᠯ ᠵᠦᠢ᠍ᠯ᠎ᠤᠨ ᠬᠦᠷᠢᠶ᠎ᠡ ᠬᠡᠪᠴᠢᠶ᠎ᠡ᠎ᠨᠢ ᠡᠮᠦᠨᠡᠬᠢ ᠬᠤᠭᠤᠴᠠᠭ᠋ᠠᠨ᠎ᠤ ᠲᠤᠷᠰᠢᠯᠲᠠ ᠵᠢᠨ᠎ᠬᠢ᠎ᠠᠴᠠ ᠤᠯᠠᠮ ᠨᠢᠭᠡ ᠠᠯᠬᠤᠮ ᠥᠷᠭᠡᠳᠴᠦ᠂ ᠶᠡᠷᠦᠩᠬᠡᠶ ᠭᠠᠶ᠋ᠢᠯᠢ ᠵᠢᠨ ᠡᠭᠦᠷᠭᠡᠯᠡᠯ᠎ᠨᠢ ᠴᠦ᠍ ᠵᠣᠬᠢᠴᠠᠩᠭᠤᠶ᠎ᠪᠠᠷ ᠪᠠᠭᠤᠷᠠᠬᠤ ᠪᠣᠯᠤᠨ᠎ᠠ᠃
      ᠬᠥᠲᠥᠯᠥᠭᠴᠢ᠄
      ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠭᠰᠡᠨ᠎ᠤ ᠳᠠᠷᠠᠭ᠎ᠠ ᠲᠤᠷᠰᠢᠯᠲᠠ ᠵᠢᠨ ᠭᠠᠶ᠋ᠢᠯᠢ ᠲᠤᠰᠢᠶᠠᠭᠴᠢ ᠪᠠᠷᠢᠮᠲᠠ ᠠᠪᠴᠤ ᠬᠡᠷᠡᠭᠯᠡᠬᠦ᠂ ᠬᠢᠵᠦ ᠥᠭᠬᠦ᠎ᠨᠢ ᠥᠩᠭᠡᠷᠡᠭᠰᠡᠨ᠎ᠤ᠎ᠬᠢ᠎ᠲᠠᠢ ᠶᠠᠮᠠᠷ ᠢᠯᠭ᠋ᠠᠭ᠎ᠠ᠎ᠲᠠᠢ ᠪᠤᠢ? ᠭᠠᠶ᠋ᠢᠯᠢ ᠲᠤᠰᠢᠶᠠᠬᠤ ᠮᠡᠳᠡᠭᠦᠯᠦᠯᠲᠡ᠎ᠳᠤ ᠶᠠᠮᠠᠷ ᠬᠤᠪᠢᠷᠠᠯᠲᠠ ᠭᠠᠷᠤᠭᠰᠠᠨ ᠪᠤᠢ?
      ᠵᠠᠩ ᠱᠧ ᠠᠨ᠄
      ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠱᠠᠭ᠋ᠠᠷᠳᠠᠯᠭ᠎ᠠ ᠶᠣᠰᠣᠭ᠋ᠠᠷ᠂ ᠦᠷᠲᠡᠭ ᠨᠡᠮᠡᠭᠳᠡᠯ᠎ᠤᠨ ᠭᠠᠶ᠋ᠢᠯᠢ ᠲᠠᠲᠠᠪᠤᠷᠢᠯᠠᠬᠤ ᠡᠬᠢᠯᠡᠯᠲᠡ ᠵᠢᠨ ᠴᠢᠭ᠋᠎ᠠᠴᠠ ᠳᠡᠭᠡᠭᠰᠢ ᠬᠡᠮᠵᠢᠶᠡᠨ᠎ᠳᠤ ᠬᠦᠷᠦᠭᠰᠡᠨ ᠭᠠᠶ᠋ᠢᠯᠢ ᠲᠤᠰᠢᠶᠠᠭᠴᠢ ᠪᠣᠯ᠂ ᠡᠩ᠎ᠤᠨ ᠭᠠᠶ᠋ᠢᠯᠢ ᠲᠤᠰᠢᠶᠠᠭᠴᠢ ᠴᠤ᠌ ᠲᠡᠷᠡ ᠡᠰᠡᠬᠦᠯ᠎ᠡ ᠪᠠᠭ᠎ᠠ ᠬᠡᠪᠴᠢᠶᠡᠨ᠎ᠤ ᠭᠠᠶ᠋ᠢᠯᠢ ᠲᠤᠰᠢᠶᠠᠭᠴᠢ ᠴᠤ᠌ ᠲᠡᠷᠡ ᠴᠦᠮ ᠥᠷᠲᠡᠭ ᠨᠡᠮᠡᠭᠳᠡᠯ᠎ᠤᠨ ᠭᠠᠶ᠋ᠢᠯᠢ ᠵᠢᠨ ᠪᠠᠷᠢᠮᠲᠠ ᠵᠢᠨ ᠬᠠᠮᠢᠶᠠᠷᠤᠯᠲᠠ ᠵᠢᠨ ᠰᠢᠨ᠎ᠡ ᠰᠢᠰᠲ᠋ᠧᠮ᠎ᠢ ᠬᠡᠷᠡᠭᠵᠢᠭᠦᠯᠵᠦ᠂ ᠭᠠᠶ᠋ᠢᠯᠢ ᠡᠵᠡᠮᠳᠡᠬᠦ ᠰᠢᠰᠲ᠋ᠧᠮᠵᠢ᠎ᠪᠠᠷ ᠳᠠᠮᠵᠢᠭᠤᠯᠤᠨ ᠦᠷᠳᠡᠭ᠎ᠤᠨ ᠨᠡᠮᠡᠭᠳᠡᠯ ᠭᠠᠶ᠋ᠢᠯᠢ ᠵᠢᠨ ᠪᠠᠷᠢᠮᠲᠠ ᠬᠢᠵᠦ ᠥᠭᠬᠦ ᠪᠣᠯᠣᠨ᠎ᠠ᠃ ᠡᠶ᠋ᠢᠮᠦ᠎ᠠᠴᠠ᠂ ᠭᠠᠶ᠋ᠢᠯᠢ ᠲᠤᠰᠢᠶᠠᠭᠴᠢ᠎ᠨᠢ ᠬᠠᠮᠢᠶ᠎ᠠ ᠪᠦᠬᠦᠢ ᠮᠡᠷᠭᠡᠵᠢᠯ᠎ᠤᠨ ᠦᠢ᠍ᠯᠡᠴᠢᠯᠡᠭᠡᠨ᠎ᠤ ᠨᠢᠭᠡᠴᠡ᠎ᠳᠤ ᠬᠦᠷᠴᠦ ᠭᠠᠶ᠋ᠢᠯᠢ ᠡᠵᠡᠮᠳᠡᠬᠦ ᠲᠤᠰᠬᠠᠶ ᠬᠡᠷᠡᠭᠯᠡᠭᠡᠨ᠎ᠤ ᠲᠥᠬᠥᠭᠡᠷᠦᠮᠵᠢ ᠬᠤᠳᠠᠯᠳᠤᠨ ᠠᠪᠴᠤ᠂ ᠭᠣᠣᠯᠯᠠᠨ ᠬᠠᠮᠢᠶᠠᠷᠬᠤ ᠤᠯᠤᠰ᠎ᠤᠨ ᠭᠠᠶ᠋ᠢᠯᠢ ᠵᠢᠨ ᠪᠠᠶ᠋ᠢᠭᠤᠯᠭ᠎ᠠ ᠲᠥᠬᠥᠭᠡᠷᠦᠮᠵᠢ ᠥᠭᠬᠦᠭᠰᠡᠨ᠎ᠤ ᠳᠠᠷᠠᠭ᠎ᠠ ᠰᠠᠶᠢ ᠪᠠᠷᠢᠮᠲᠠ ᠠᠪᠴᠤ ᠬᠡᠷᠡᠭᠯᠡᠬᠦ ᠪᠠ ᠬᠢᠵᠦ ᠥᠭᠴᠦ ᠪᠣᠯᠤᠨ᠎ᠠ᠃ ᠭᠠᠶ᠋ᠢᠯᠢ ᠲᠤᠰᠢᠶᠠᠭᠴᠢ ᠭᠠᠶ᠋ᠢᠯᠢ ᠡᠵᠡᠮᠳᠡᠬᠦ ᠰᠢᠰᠲ᠋ᠧᠮ᠎ᠤᠨ ᠲᠤᠰᠬᠠᠶ ᠲᠥᠬᠥᠭᠡᠷᠦᠮᠵᠢ ᠵᠢ ᠠᠩᠬ᠎ᠠ ᠤᠳᠠᠭ᠎ᠠ ᠬᠤᠳᠠᠯᠳᠤᠨ ᠠᠪᠬᠤ᠎ᠳᠤ ᠵᠠᠷᠤᠴᠠᠭᠤᠯᠬᠤ ᠵᠠᠷᠤᠳᠠᠯ ᠵᠢᠴᠢ   ᠲᠤᠰᠢᠶᠠᠬᠤ ᠮᠡᠷᠭᠡᠵᠢᠯ᠎ᠤᠨ ᠠᠷᠠᠴᠢᠯᠠᠯᠲᠠ ᠵᠢᠨ ᠵᠠᠷᠤᠳᠠᠯ᠎ᠢ ᠥᠷᠲᠡᠭ ᠨᠡᠮᠡᠭᠳᠡᠯ᠎ᠤᠨ ᠭᠠᠢ᠌ᠯᠢ ᠵᠢᠨ ᠲᠤᠰᠢᠶᠠᠬᠤ ᠶᠣᠰᠣᠲᠠᠢ ᠲᠣᠭ᠋ᠠᠨ ᠳᠣᠲᠣᠷ᠎ᠠ᠎ᠠᠴᠠ ᠪᠦᠬᠦᠨ᠎ᠢ᠎ᠨᠢ ᠲᠤᠯᠭ᠋ᠠᠨ ᠰᠠᠭᠤᠳᠬᠠᠵᠤ ᠪᠣᠯᠬᠤ ᠲᠤᠯᠠ ᠭᠠᠶ᠋ᠢᠯᠢ ᠲᠤᠰᠢᠶᠠᠭᠴᠢ ᠵᠢᠨ ᠳᠠᠷᠤᠭ᠋ᠠᠰᠤ ᠵᠢ ᠨᠡᠮᠡᠭᠳᠡᠭᠦᠯᠬᠦ ᠦᠭᠡᠢ ᠶᠤᠮ᠃
      ᠭᠠᠶ᠋ᠢᠯᠢ ᠲᠤᠰᠢᠶᠠᠬᠤ᠎ᠪᠠᠷ ᠭᠤᠶᠤᠴᠢᠯᠠᠨ ᠮᠡᠳᠡᠭᠦᠯᠬᠦ ᠭᠡᠪᠡᠯ ᠲᠤᠷᠰᠢᠯᠲᠠ ᠵᠢᠨ ᠭᠠᠶ᠋ᠢᠯᠢ ᠲᠤᠰᠢᠶᠠᠭᠴᠢ᠎ᠨᠢ 2016 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠮᠡᠳᠡᠭᠦᠯᠬᠦ ᠴᠠᠭ᠎ᠤᠨ ᠬᠢᠵᠠᠭ᠋ᠠᠷ ᠪᠣᠯᠤᠨ ᠮᠡᠳᠡᠭᠦᠯᠬᠦ ᠠᠭᠤᠯᠭ᠎ᠠ ᠵᠢᠨ ᠶᠣᠰᠣᠭ᠋ᠠᠷ᠂ ᠦᠷᠳᠡᠭ ᠨᠡᠮᠡᠭᠳᠡᠯ᠎ᠤᠨ ᠭᠠᠶ᠋ᠢᠯᠢ ᠮᠡᠳᠡᠭᠦᠯᠬᠦ ᠬᠦᠰᠦᠨᠦᠭᠲᠦ ᠲᠠᠭᠯᠠᠨ ᠪᠢᠴᠢᠵᠦ᠂ ᠭᠣᠣᠯᠯᠠᠨ ᠬᠠᠮᠢᠶᠠᠷᠴᠤ ᠪᠠᠢ᠌ᠭ᠎ᠠ ᠤᠯᠤᠰ᠎ᠤᠨ ᠭᠠᠶ᠋ᠢᠯᠢ ᠵᠢᠨ ᠪᠠᠶ᠋ᠢᠭᠤᠯᠭ᠎ᠠ᠎ᠳᠤ ᠭᠠᠶ᠋ᠢᠯᠢ ᠲᠤᠰᠢᠶᠠᠬᠤ  ᠎ᠪᠠᠷ   ᠮᠡᠳᠡᠭᠦᠯᠦᠨ᠎ᠡ᠃ ᠭᠠᠶ᠋ᠢᠯᠢ ᠲᠤᠰᠢᠶᠠᠭᠴᠢ᠎ᠳᠤ ᠲᠤᠢ᠍ᠬᠦᠮ ᠦᠵᠡᠭᠦᠯᠬᠦ ᠵᠢᠨ ᠲᠥᠯᠥᠭᠡ᠂ ᠤᠯᠤᠰ᠎ᠤᠨ ᠭᠠᠶ᠋ᠢᠯᠢ ᠵᠢᠨ ᠪᠠᠶ᠋ᠢᠭᠤᠯᠭ᠎ᠠ᠎ᠠᠴᠠ ᠠᠷᠠᠳ᠎ᠲᠤ ᠳᠥᠭᠥᠮ ᠦᠵᠡᠭᠦᠯᠬᠦ ᠠᠷᠭ᠎ᠠ ᠬᠡᠮᠵᠢᠶ᠎ᠡ ᠠᠪᠴᠠᠢ᠄ ᠨᠢᠭᠡ᠎ᠳᠤ ᠭᠠᠢ᠌ᠯᠢ ᠲᠤᠰᠢᠶᠠᠭᠴᠢ ᠵᠢᠨ ᠭᠠᠢ᠌ᠯᠢ ᠲᠤᠰᠢᠶᠠᠬᠤ ᠮᠡᠳᠡᠭᠦᠯᠦᠯᠲᠡ ᠵᠢᠨ ᠲᠣᠭ᠎ᠠ ᠵᠢ ᠵᠣᠬᠢᠰᠲᠠᠢ᠎ᠪᠠᠷ ᠴᠤᠮᠬᠠᠳᠬᠠᠨ ᠨᠢᠭᠡᠳᠬᠡᠵᠦ᠂ ᠪᠠᠭ᠎ᠠ ᠬᠡᠪᠴᠢᠶᠡᠨ᠎ᠤ ᠭᠠᠶ᠋ᠢᠯᠢ ᠲᠤᠰᠢᠶᠠᠭᠴᠢ ᠵᠢᠨ ᠥᠷᠲᠡᠭ ᠨᠡᠮᠡᠭᠳᠡᠯ᠎ᠤᠨ ᠭᠠᠶ᠋ᠢᠯᠢ ᠵᠢ ᠤᠯᠠᠷᠢᠯ ᠵᠶ᠋ᠠᠷ ᠮᠡᠳᠡᠭᠦᠯᠬᠦ ᠵᠢ ᠬᠡᠷᠡᠭᠵᠢᠭᠦᠯᠦᠨ᠎ᠡ᠃ ᠬᠣᠶᠠᠷ᠎ᠲᠤ 6 ᠳ᠋ᠤᠭ᠋ᠠᠷ ᠰᠠᠷ᠎ᠠ ᠵᠢᠨ ᠦᠷᠳᠡᠭ ᠨᠡᠮᠡᠭᠳᠡᠯ᠎ᠤᠨ ᠭᠠᠶ᠋ᠢᠯᠢ ᠲᠤᠰᠢᠶᠠᠬᠤ᠎ᠪᠠᠷ ᠭᠤᠶᠤᠴᠢᠯᠠᠨ ᠮᠡᠳᠡᠭᠦᠯᠬᠦ ᠬᠤᠭᠤᠴᠠᠭ᠎ᠠ ᠵᠢ 6 ᠳ᠋ᠤᠭ᠋ᠠᠷ ᠰᠠᠷ᠎ᠠ ᠵᠢᠨ 15᠎ᠤ ᠡᠳᠦᠷ ᠪᠠᠢ᠌ᠭᠰᠠᠨ᠎ᠠᠴᠠ 6 ᠳ᠋ᠤᠭ᠋ᠠᠷ ᠰᠠᠷ᠎ᠠ ᠵᠢᠨ 27᠎ᠤ ᠡᠳᠦᠷ ᠬᠦᠷᠲᠡᠯ᠎ᠡ ᠤᠷᠲᠤᠳᠬᠠᠵᠤ᠂ ᠭᠠᠶ᠋ᠢᠯᠢ ᠲᠤᠰᠢᠶᠠᠭᠴᠢ᠎ᠳᠤ ᠨᠡᠩ ᠠᠭᠤᠵᠢᠭᠤᠬᠠᠨ ᠮᠡᠳᠡᠭᠦᠯᠬᠦ ᠴᠠᠭ ᠥᠯᠡᠳᠡᠭᠡᠨ᠎ᠡ᠃ ᠭᠤᠷᠪᠠ᠎ᠳᠤ ᠭᠠᠶ᠋ᠢᠯᠢ ᠲᠤᠰᠢᠶᠠᠭᠴᠢ᠎ᠳᠤ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠪᠠ ᠡᠳ᠋᠎ᠤᠨ ᠵᠠᠰᠠᠭ ᠭᠠᠶ᠋ᠢᠯᠢ ᠵᠢᠨ ᠬᠥᠮᠥᠷᠭᠡ ᠵᠢᠨ ᠮᠥᠩᠭᠥ ᠵᠢ ᠬᠥᠨᠳᠡᠯᠡᠨ ᠵᠶ᠋ᠠᠷ ᠬᠣᠯᠪᠣᠭᠰᠠᠨ ᠡᠯᠧᠺᠲᠷᠣᠨ ᠭᠠᠶ᠋ᠢᠯᠢ ᠲᠤᠰᠢᠶᠠᠬᠤ ᠦᠢ᠍ᠯᠡᠴᠢᠯᠡᠭᠡ ᠬᠠᠩᠭ᠋ᠠᠵᠤ᠂ ᠭᠠᠶ᠋ᠢᠯᠢ ᠲᠤᠰᠢᠶᠠᠭᠴᠢ ᠭᠡᠷ᠎ᠠᠴᠠ᠎ᠪᠠᠨ ᠭᠠᠷᠤᠯ ᠤᠢ᠍ᠭᠡᠢ᠎ᠪᠠᠷ ᠭᠠᠶ᠋ᠢᠯᠢ ᠲᠤᠰᠢᠶᠠᠬᠤ᠎ᠪᠠᠷ ᠭᠤᠶᠤᠴᠢᠯᠠᠨ ᠮᠡᠳᠡᠭᠦᠯᠬᠦ ᠪᠠ ᠭᠠᠶ᠋ᠢᠯᠢ᠎ᠪᠠᠨ ᠲᠤᠰᠢᠶᠠᠵᠤ ᠪᠣᠯᠣᠨ᠎ᠠ᠃
      ᠬᠥᠲᠥᠯᠥᠭᠴᠢ᠄
      ᠮᠠᠨ᠎ᠤ ᠣᠷᠣᠨ᠎ᠤ ᠡᠵᠡᠩᠨᠡᠯᠲᠡ ᠵᠢᠨ ᠭᠠᠶ᠋ᠢᠯᠢ ᠵᠢ ᠤᠢ᠍ᠷᠳᠡᠭ ᠨᠡᠮᠡᠭᠳᠡᠯ᠎ᠤᠨ ᠭᠠᠢ᠌ᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢ ᠥᠷᠨᠢᠭᠦᠯᠵᠦ ᠪᠠᠶ᠋ᠢᠭ᠎ᠠ ᠪᠠᠶ᠋ᠢᠳᠠᠯ᠎ᠢ ᠲᠠᠨᠢᠯᠴᠠᠭᠤᠯᠤᠭ᠋ᠠᠳ ᠥᠭᠭᠦᠨ᠎ᠡ ᠤᠤ?
      ᠵᠠᠩ ᠱᠧ ᠠᠨ᠄
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠤᠨ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠨᠢᠭᠡᠳᠦᠯᠲᠡᠶ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠶᠤᠰᠤᠭ᠋ᠠᠷ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠎ᠨᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠣᠷᠣᠨ ᠨᠤᠲᠤᠭ᠎ᠤᠨ ᠭᠠᠶ᠋ᠢᠯᠢ ᠵᠢᠨ ᠲᠣᠪᠴᠢᠶ᠎ᠠ ᠵᠡᠷᠭᠡ ᠰᠠᠯᠠᠭ᠎ᠠ ᠮᠦᠴᠢᠷ᠎ᠤᠳ᠎ᠲᠠᠢ ᠨᠢᠭᠲᠠ ᠬᠠᠮᠵᠢᠯᠴᠠᠨ ᠨᠢᠭᠡᠳᠦᠯᠲᠡᠶ ᠲᠥᠯᠥᠪᠯᠡᠨ ᠪᠠᠶ᠋ᠢᠷᠢᠯᠠᠭᠤᠯᠵᠤ᠂ ᠲᠦᠷᠦ ᠵᠢᠨ ᠪᠤᠳᠤᠯᠭ᠎ᠠ ᠵᠢ ᠨᠠᠷᠢᠯᠢᠭ ᠣᠨᠣᠪᠴᠢᠲᠠᠢ ᠬᠡᠷᠡᠭᠵᠢᠭᠦᠯᠵᠦ᠂ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠡᠯ᠎ᠡ ᠵᠦᠢ᠍ᠯ᠎ᠤᠨ ᠪᠡᠯᠡᠳᠬᠡᠯ ᠠᠵᠢᠯ ᠯᠠᠪᠳᠠᠭᠤᠨ ᠪᠠᠲᠤᠲᠠᠶ ᠪᠥᠭᠡᠳ ᠨᠠᠷᠢᠨ ᠨᠢᠮᠪᠠᠶ᠂ ᠣᠷᠣᠭᠰᠢᠲᠠᠢ ᠶᠠᠪᠤᠭᠳᠠᠵᠤ ᠪᠠᠢ᠌ᠨ᠎ᠠ᠃

      ᠨᠢᠭᠡ᠎ᠳᠤ ᠪᠡᠶ᠎ᠡ᠎ᠪᠠᠨ ᠰᠢᠮᠳᠠᠭᠤᠯᠵᠤ᠂ ᠳᠠᠶ᠋ᠢᠴᠢᠯᠠᠯᠲᠠ ᠬᠢᠵᠦ ᠪᠠᠶ᠋ᠢᠷᠢᠯᠠᠭᠤᠯᠬᠤ ᠵᠢ ᠪᠤᠳᠠᠲᠠᠢ᠌ᠵᠢᠭᠤᠯᠪᠠ᠃ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠥᠷᠭᠡᠳᠬᠡᠭᠰᠡᠨ ᠬᠤᠷᠠᠯ᠂ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ 14 ᠤᠳᠠᠭ᠎ᠠ ᠬᠤᠷᠠᠯᠳᠤᠭᠤᠯᠵᠤ᠂ ᠶᠡᠷᠦᠩᠬᠡᠶ ᠰᠠᠶ᠋ᠢᠳ ᠯᠢ ᠺᠧ ᠴᠢᠶᠠᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠠᠵᠢᠯ᠎ᠢ ᠰᠤᠳᠤᠯᠤᠨ ᠪᠠᠢ᠌ᠷᠢᠯᠠᠭᠤᠯᠵᠤ᠂ ᠰᠢᠭᠤᠳ ᠦᠨᠳᠦᠰᠦᠨ ᠱᠠᠲᠤᠨ᠎ᠤ ᠨᠢᠭᠡᠳᠦᠭᠡᠷ ᠹᠷᠣᠨᠲ ᠬᠦᠷᠲᠡᠯ᠎ᠡ ᠬᠠᠷᠢᠭᠤᠴᠠᠯᠭ᠎ᠠ ᠵᠢᠨ ᠳᠠᠷᠤᠯᠲᠠ ᠥᠭᠴᠦ᠂ ᠦᠵᠡᠯ ᠰᠠᠨᠠᠭ᠎ᠠ᠎ᠪᠠᠨ ᠤᠯᠠᠮ ᠨᠢᠭᠡ ᠠᠯᠬᠤᠮ ᠨᠢᠭᠡᠳᠬᠡᠨ᠂ ᠲᠠᠨᠢᠯᠲᠠ᠎ᠪᠠᠨ ᠳᠡᠭᠡᠭᠰᠢᠯᠡᠭᠦᠯᠪᠡ᠃
      ᠬᠣᠶᠠᠷ᠎ᠲᠤ ᠬᠠᠮᠵᠢᠯᠴᠠᠨ ᠬᠣᠷᠰᠢᠯᠴᠠᠵᠤ᠂ ᠥᠭᠡᠷᠡᠴᠢᠯᠡᠯᠲᠡ ᠵᠢᠨ ᠬᠥᠳᠡᠯᠭᠡᠬᠦ ᠬᠦᠴᠦᠨ᠎ᠢ   ᠨᠢᠭᠲᠠᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠤᠯᠭ᠎ᠠ᠎ᠳᠤ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠠᠵᠢᠯ᠎ᠤᠨ ᠠᠬᠢᠴᠠ ᠵᠢᠨ ᠪᠠᠢ᠌ᠳᠠᠯ᠎ᠢ ᠣᠯᠠᠨᠲᠠ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠵᠢᠨ ᠪᠦᠷᠢᠨ ᠨᠣᠲᠠᠯᠠᠯ᠎ᠢ ᠣᠯᠵᠠᠢ᠃ ᠤᠯᠤᠰ᠎ᠤᠨ ᠭᠠᠶ᠋ᠢᠯᠢ᠂ ᠣᠷᠣᠨ ᠨᠤᠲᠤᠭ᠎ᠤᠨ ᠭᠠᠶ᠋ᠢᠯᠢ᠂ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠤᠳ᠎ᠤᠨ ᠬᠠᠮᠲᠤᠷᠠᠭᠰᠠᠨ ᠠᠵᠢᠯ᠎ᠤᠨ ᠲᠣᠭᠲᠠᠴᠠ ᠵᠢᠨ ᠦᠢ᠍ᠯᠡᠳᠦᠯ᠎ᠢ ᠪᠠᠳᠠᠷᠠᠭᠤᠯᠵᠤ᠂ ᠬᠡᠷᠡᠭᠵᠢᠭᠦᠯᠬᠦ ᠲᠥᠰᠦᠯ ᠵᠶ᠋ᠠᠨ ᠲᠡᠭᠦᠯᠳᠡᠷᠵᠢᠭᠦᠯᠵᠦ᠂ 9 ᠶᠡᠬᠡ ᠲᠥᠷᠥᠯ 93 ᠵᠦᠢ᠍ᠯ᠎ᠤᠨ ᠠᠵᠢᠯ᠎ᠤᠨ ᠡᠭᠦᠷᠭᠡ ᠵᠢ ᠨᠠᠷᠢᠯᠢᠭᠵᠢᠭᠤᠯᠵᠤ ᠠᠵᠢᠯ᠎ᠤᠨ ᠨᠡᠶ᠋ᠢᠯᠡᠮᠡᠯ ᠬᠦᠴᠦᠨ᠎ᠢ ᠨᠢᠭᠲᠠᠷᠠᠭᠤᠯᠪᠠ᠃
      ᠭᠤᠷᠪᠠ᠎ᠳᠤ ᠦᠢ᠍ᠯᠡᠴᠢᠯᠡᠭᠡ ᠵᠢ ᠰᠢᠯᠢᠳᠡᠭᠵᠢᠭᠦᠯᠵᠦ᠂ ᠭᠠᠶ᠋ᠢᠯᠢ ᠲᠤᠰᠢᠶᠠᠬᠤ ᠳᠠᠷᠤᠯᠲᠠ ᠵᠢ ᠨᠠᠮᠳᠠᠭᠤᠯᠪᠠ᠃ ᠲᠤᠷᠰᠢᠯᠲᠠ ᠵᠢᠨ ᠭᠠᠶ᠋ᠢᠯᠢ ᠲᠤᠰᠢᠶᠠᠭᠴᠢ ᠵᠢᠨ 《ᠨᠢᠭᠤᠷᠲᠠᠨ ᠶᠠᠷᠢᠯᠴᠠᠬᠤ》 ᠬᠤᠷᠠᠯ ᠬᠢᠵᠦ᠂ ᠬᠠᠷᠢᠭᠤ ᠲᠤᠰᠬᠠᠬᠤ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠪᠡ᠃ ᠰᠦᠯᠵᠢᠶ᠎ᠡ᠂ ᠸᠢᠴᠠᠲ᠂ QQ ᠵᠡᠷᠭᠡ ᠠᠷᠭ᠎ᠠ ᠵᠠᠮ᠎ᠢ ᠠᠰᠢᠭᠯᠠᠨ ᠥᠷᠭᠡᠨ ᠵᠶ᠋ᠠᠷ ᠤᠬᠠᠭᠤᠯᠵᠤ᠂ ᠭᠠᠶ᠋ᠢᠯᠢ ᠲᠤᠰᠢᠶᠠᠭᠴᠢ᠎ᠳᠤ ᠬᠠᠮᠤᠭ᠎ᠤᠨ ᠰᠢᠨ᠎ᠡ ᠲᠥᠷᠥ ᠵᠢᠨ ᠪᠤᠳᠤᠯᠭ᠎ᠠ ᠵᠢᠨ ᠠᠭᠤᠯᠭ᠎ᠠ ᠵᠢ ᠴᠠᠭ ᠲᠤᠬᠠᠶ᠎ᠳᠤᠨᠢ ᠣᠢ᠌ᠯᠠᠭᠤᠯᠪᠠ᠃ ᠴᠣᠩᠬᠣᠪᠴᠢ ᠦᠢ᠍ᠯᠡᠴᠢᠯᠡᠭᠡ ᠵᠢ ᠨᠡᠮᠡᠨ ᠪᠠᠶ᠋ᠢᠭᠤᠯᠵᠤ᠂ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠵᠠᠮ᠎ᠢ ᠰᠠᠭ᠋ᠠᠳ ᠦᠭᠡᠢ ᠨᠡᠪᠲᠡᠷᠡᠭᠦᠯᠵᠦ᠂ ᠭᠠᠶ᠋ᠢᠯᠢ ᠲᠤᠰᠢᠶᠠᠭᠴᠢ ᠵᠢᠨ ᠪᠣᠯᠪᠠᠰᠤᠷᠠᠯ᠎ᠤᠨ᠎ᠢ 16 ᠲᠦᠮᠡᠨ ᠳᠡᠪᠲᠡᠷ ᠵᠢᠭ᠋ᠠᠬᠤ ᠮᠠᠲ᠋ᠧᠷᠢᠶᠠᠯ ᠲᠥᠯᠥᠪᠥᠷᠢ ᠦᠭᠡᠢ᠎ᠪᠠᠷ ᠳᠠᠷᠤᠮᠠᠯᠯᠠᠨ ᠲᠠᠷᠬᠠᠭ᠋ᠠᠵᠤ᠂ ᠭᠠᠶ᠋ᠢᠯᠢ ᠲᠤᠰᠢᠶᠠᠭᠴᠢ ᠵᠢ 6 ᠲᠦᠮᠡᠨ ᠡᠷᠦᠬᠡ ᠤᠳᠠᠭ᠎ᠠ ᠪᠣᠯᠪᠠᠰᠤᠷᠠᠭᠤᠯᠵᠤ᠂ ᠭᠠᠶ᠋ᠢᠯᠢ ᠲᠤᠰᠢᠶᠠᠭᠴᠢ᠎ᠳᠤ ᠬᠠᠮᠤᠭ᠎ᠤᠨ ᠶᠡᠬᠡ ᠳᠥᠭᠥᠮ ᠦᠵᠡᠭᠦᠯᠪᠡ᠃
      ᠲᠦᠷᠪᠡ᠎ᠳᠤ ᠴᠢᠩᠭ᠎ᠠ ᠰᠢᠮᠳᠠᠭᠤᠯᠤᠨ ᠦᠨᠡᠨᠬᠦ ᠰᠢᠯᠭ᠋ᠠᠵᠤ᠂ ᠬᠠᠷᠢᠭᠤᠴᠠᠯᠭ᠎ᠠ ᠵᠢ ᠣᠷᠣᠨ ᠪᠠᠢ᠌ᠷᠢ᠎ᠳᠤ᠎ᠨᠢ ᠨᠠᠶ᠋ᠢᠳᠠᠪᠤᠷᠢᠵᠢᠭᠤᠯᠪᠠ᠃ ᠤᠳᠤᠷᠢᠳᠤᠯᠭ᠎ᠠ ᠳᠠᠭ᠋ᠠᠭ᠋ᠠᠴᠢᠯᠠᠬᠤ ᠬᠠᠷᠢᠭᠤᠴᠠᠯᠭ᠎ᠠ ᠵᠢᠨ ᠳᠦ᠍ᠷᠢᠮ ᠪᠠ ᠰᠠᠯᠠᠭ᠎ᠠ ᠮᠥᠴᠢᠷ᠎ᠠᠴᠠ ᠲᠥᠷᠥᠯ ᠵᠦᠢ᠍ᠯ᠎ᠳᠤ ᠬᠠᠷᠢᠭᠤᠴᠠᠬᠤ ᠳᠦᠷᠢᠮ᠎ᠢ ᠲᠥᠷᠥᠯ ᠢᠯᠭ᠋ᠠᠨ ᠱᠠᠲᠤ ᠬᠤᠪᠢᠶᠠᠨ ᠬᠡᠷᠡᠭᠵᠢᠭᠦᠯᠬᠦ ᠵᠢᠨ ᠬᠠᠮᠲᠤ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠠᠵᠢᠯ᠎ᠢ ᠰᠢᠰᠲ᠋ᠧᠮ᠎ᠤᠨ ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ ᠬᠡᠪᠴᠢᠶᠡᠨ᠎ᠳᠤ ᠣᠷᠣᠭᠤᠯᠵᠤ᠂ ᠬᠢᠨᠠᠨ ᠰᠢᠯᠭ᠋ᠠᠵᠤ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠪᠠ᠃ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠵᠢ ᠰᠢᠮᠳᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠤᠨ ᠤᠳᠤᠷᠢᠳᠬᠤ ᠳᠤᠭᠤᠶ᠋ᠢᠯᠠᠩ ᠪᠠᠶ᠋ᠢᠭᠤᠯᠵᠤ᠂ ᠲᠣᠪᠴᠢᠶᠠᠨ᠎ᠤ 4 ᠤᠳᠤᠷᠢᠳᠤᠯᠭ᠎ᠠ ᠵᠢᠨ ᠳᠠᠭ᠋ᠠᠭᠤᠯᠭ᠎ᠠ᠎ᠪᠠᠷ 14 ᠠᠶ᠋ᠢᠮᠠᠭ ᠬᠤᠳᠠ ᠵᠢᠨ ᠲᠣᠪᠴᠢᠶ᠎ᠠ ᠵᠢᠨ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠠᠵᠢᠯ᠎ᠳᠤ ᠦᠷᠭᠦᠯᠵᠢᠯᠡᠨ ᠰᠢᠮᠳᠠᠭᠤᠯᠤᠨ ᠵᠢᠯᠣᠭᠣᠳᠬᠤ ᠵᠢ ᠥᠷᠨᠢᠭᠦᠯᠵᠦ᠂ ᠲᠦᠷᠦ ᠵᠢᠨ ᠪᠤᠳᠤᠯᠭ᠎ᠠ ᠵᠢ ᠪᠣᠳᠠᠲᠠᠶ᠎ᠪᠠᠷ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠪᠠ᠃
      ᠬᠥᠲᠥᠯᠥᠭᠴᠢ᠄
      ᠣᠳᠣᠬᠠᠨ᠎ᠳᠤ᠂ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠪᠦᠬᠦ ᠲᠠᠯ᠎ᠠ᠎ᠪᠠᠷ ᠥᠭᠡᠷᠡᠴᠢᠯᠡᠬᠦ ᠴᠠᠭ 10 ᠡᠳᠦᠷ ᠬᠦᠷᠬᠦ ᠦᠭᠡᠢ ᠪᠣᠯᠵᠠᠢ᠂ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠲᠡᠷᠡᠭ᠋ᠠᠴᠢ ᠵᠢᠨ ᠠᠯᠬᠤᠮ᠎ᠤᠨ ᠠᠵᠢᠯ᠎ᠤᠨ ᠲᠤᠬᠠᠶ ᠶᠠᠮᠠᠷ ᠪᠣᠳᠣᠯᠬᠢᠯᠠᠯ᠎ᠲᠠᠢ ᠪᠠᠶ᠋ᠢᠬᠤ ᠪᠤᠢ?
      ᠵᠠᠩ ᠱᠧ ᠠᠨ᠄
      ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠵᠢ ᠲᠣᠭᠲᠠᠭᠰᠠᠨ ᠬᠤᠭᠤᠴᠠᠭ᠋ᠠᠨ᠎ᠳᠠᠭᠠᠨ ᠤᠷᠤᠭᠰᠢᠲᠠᠶ ᠶᠠᠪᠤᠭᠳᠠᠬᠤ ᠵᠢ ᠪᠠᠲᠤᠯᠠᠵᠤ᠂ ᠭᠠᠶ᠋ᠢᠯᠢ ᠲᠤᠰᠢᠶᠠᠭᠴᠢ ᠵᠢ ᠬᠠᠪᠰᠤᠷᠤᠨ ᠲᠤᠷᠰᠢᠯᠲᠠ ᠬᠢᠬᠦ ᠪᠡᠯᠡᠳᠬᠡᠯ᠎ᠢ ᠠᠯᠢ ᠲᠦᠷᠭᠡᠨ ᠵᠶ᠋ᠠᠷ ᠰᠠᠶ᠋ᠢᠲᠤᠷ ᠬᠢᠵᠦ᠂ ᠭᠠᠶ᠋ᠢᠯᠢ ᠵᠢᠨ ᠲᠦᠷᠢᠮ᠎ᠢ ᠲᠣᠭᠲᠠᠭᠤᠨ ᠵᠶ᠋ᠠᠷ ᠰᠣᠯᠢᠭᠳᠠᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠎ᠠᠴᠠ ᠪᠠᠶ᠋ᠢᠷᠢᠯᠠᠭᠤᠯᠤᠨ ᠲᠣᠬᠢᠷᠠᠭᠤᠯᠤᠭᠰᠠᠨ᠎ᠨᠢ᠄

      ᠨᠢᠭᠡ᠎ᠳᠤ᠂ ᠲᠠᠨᠢᠯᠲᠠ᠎ᠪᠠᠨ ᠴᠢᠨᠠᠭᠰᠢᠳᠠ ᠳᠡᠭᠡᠭᠰᠢᠯᠡᠭᠦᠯᠵᠦ᠂ ᠥᠭᠡᠷᠡᠴᠢᠯᠡᠯᠲᠡ ᠬᠢᠬᠦ ᠬᠣᠰᠢᠭᠤᠴᠢ ᠪᠣᠯᠬᠤ ᠬᠡᠷᠡᠭᠲᠡᠢ᠃ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠲᠦ ᠪᠤᠲᠣᠯᠭ᠎ᠠ ᠵᠢᠨ ᠪᠠᠶ᠋ᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠶᠡᠷᠦᠩᠬᠡᠶ ᠰᠠᠶ᠋ᠢᠳ ᠯᠢ ᠺᠸ ᠴᠢᠶᠠᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠳᠡᠭᠡᠷ᠎ᠡ ᠦᠨᠡᠨᠬᠦ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠤᠨ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠪᠣᠳᠠᠲᠠᠶ ᠱᠠᠭ᠋ᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ᠃
      ᠬᠣᠶᠠᠷ᠎ᠲᠤ ᠠᠷᠭ᠎ᠠ ᠬᠡᠮᠵᠢᠶ᠎ᠡ᠎ᠪᠠᠨ ᠴᠢᠨᠠᠭᠰᠢᠳᠠ ᠴᠢᠩᠭ᠋ᠠᠳᠬᠠᠵᠤ᠂ ᠨᠠᠷᠢᠨ ᠴᠢᠩᠭ᠎ᠠ ᠠᠳᠬᠤᠨ ᠨᠠᠶ᠋ᠢᠳᠠᠪᠤᠷᠢᠵᠢᠭᠤᠯᠬᠤ ᠬᠡᠷᠡᠭᠲᠡᠶ᠃ ᠬᠡᠷᠡᠭᠵᠢᠭᠦᠯᠬᠦ ᠲᠥᠰᠦᠯ᠎ᠤᠨ ᠱᠠᠭ᠋ᠠᠷᠳᠠᠯᠭ᠎ᠠ ᠶᠣᠰᠣᠭ᠋ᠠᠷ᠂ ᠴᠠᠭ᠎ᠤᠨ ᠬᠤᠭᠤᠴᠠᠭ᠋ᠠᠯᠠᠯ᠂ ᠠᠬᠢᠴᠠ ᠵᠢᠨ ᠱᠠᠭ᠋ᠠᠷᠳᠠᠯᠭ᠎ᠠ ᠪᠠ ᠠᠷᠭ᠎ᠠ ᠵᠠᠮ᠎ᠢ ᠴᠢᠩᠭ᠎ᠠ ᠵᠢᠷᠤᠮᠯᠠᠵᠤ᠂ ᠡᠭᠦᠷᠭᠡᠯᠡᠵᠦ ᠪᠠᠶ᠋ᠢᠭ᠎ᠠ ᠥᠭᠡᠷᠡᠴᠢᠯᠡᠯᠲᠡ ᠵᠢᠨ ᠪᠡᠷᠬᠡ ᠠᠰᠠᠭᠤᠳᠠᠯ᠎ᠤᠳ᠎ᠢ ᠰᠢᠪᠲᠤᠯᠠᠬᠤ ᠡᠭᠦᠷᠭᠡ᠎ᠪᠠᠨ ᠦᠨᠡᠨ ᠬᠦ᠌ ᠰᠠᠶ᠋ᠢᠲᠤᠷ ᠭᠦᠢ᠍ᠴᠡᠳᠬᠡᠬᠦ ᠬᠡᠷᠡᠭᠲᠡᠶ᠃ ᠡᠯ᠎ᠡ ᠵᠦᠢ᠍ᠯ᠎ᠤᠨ ᠲᠠᠲᠠᠪᠤᠷᠢᠯᠠᠨ ᠬᠠᠮᠢᠶᠠᠷᠬᠤ ᠠᠵᠢᠯ᠎ᠤᠨ ᠪᠡᠯᠡᠳᠬᠡᠯ᠂ ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠳᠤ ᠵᠦᠢ᠍ᠯ ᠳᠠᠷᠠᠭ᠋ᠠᠯᠠᠨ ᠡᠳᠦᠷ ᠳᠠᠷᠠᠭ᠋ᠠᠯᠠᠨ ᠴᠢᠨᠠᠭᠰᠢᠳᠠ ᠡᠮᠬᠢᠯᠡᠬᠦ ᠬᠡᠷᠡᠭᠲᠡᠶ᠃
      ᠭᠤᠷᠪᠠ᠎ᠳᠤ ᠦᠢ᠍ᠯᠡᠴᠢᠯᠡᠭᠡ ᠵᠢ ᠴᠢᠨᠠᠭᠰᠢᠳᠠ ᠰᠢᠯᠢᠳᠡᠭᠵᠢᠭᠦᠯᠵᠦ᠂ 《ᠪᠠᠭᠤᠷᠠᠭᠤᠯᠬᠤ᠎ᠠᠴᠠ ᠪᠢᠰᠢ ᠨᠡᠮᠡᠭᠳᠡᠭᠦᠯᠬᠦ ᠦᠭᠡᠶ》 ᠪᠠᠢ᠌ᠬᠤ ᠭᠡᠰᠡᠨ ᠠᠮᠠᠯᠠᠯᠲᠠ ᠵᠢ ᠦᠢ᠍ᠯᠡᠳᠦᠯᠭᠡᠵᠢᠭᠦᠯᠬᠦ ᠬᠡᠷᠡᠭᠲᠡᠢ᠃ ᠪᠦᠬᠦ ᠤᠯᠤᠰ᠎ᠤᠨ ᠭᠠᠢ᠌ᠯᠢ ᠲᠤᠰᠢᠶᠠᠬᠤ ᠦᠢ᠍ᠯᠡᠴᠢᠯᠡᠭᠡ ᠵᠢᠨ ᠳᠦᠷᠢᠮ᠂ ᠭᠠᠶ᠋ᠢᠯᠢ ᠲᠠᠲᠠᠪᠤᠷᠢᠯᠠᠨ ᠬᠠᠮᠢᠶᠠᠷᠬᠤ ᠠᠵᠢᠯ᠎ᠤᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠦᠢ᠍ᠯᠡᠴᠢᠯᠡᠭᠡᠨ᠎ᠳᠤ ᠨᠢᠭᠡ ᠯᠡ ᠪᠠᠷᠢᠮᠵᠢᠶ᠎ᠠ᠂ ᠲᠠᠲᠠᠪᠤᠷᠢᠯᠠᠨ ᠬᠠᠮᠢᠶᠠᠷᠬᠤ ᠠᠵᠢᠯ᠎ᠢ ᠨᠢᠭᠡ ᠯᠠ ᠠᠯᠬᠤᠮ ᠳᠠᠷᠠᠭ᠎ᠠ᠂ ᠬᠠᠤᠯᠢ ᠬᠡᠷᠡᠭᠵᠢᠭᠦᠯᠬᠦ᠎ᠳᠤ ᠨᠢᠭᠡ ᠯᠠ ᠬᠡᠮᠵᠢᠭᠦᠷ᠎ᠲᠠᠢ ᠪᠠᠢ᠌ᠬᠤ ᠵᠢ ᠪᠡᠶᠡᠯᠡᠭᠦᠯᠵᠦ᠂ ᠦᠷᠳᠡᠭ ᠨᠡᠮᠡᠭᠳᠡᠯ᠎ᠤᠨ ᠭᠠᠶ᠋ᠢᠯᠢ ᠵᠢᠨ ᠬᠠᠮᠢᠶᠠᠷᠤᠯᠲᠠ ᠵᠢᠨ ᠳᠦᠷᠢᠮᠵᠢᠯ ᠪᠠ ᠭᠠᠶ᠋ᠢᠯᠢ ᠲᠤᠰᠢᠶᠠᠭᠴᠢ ᠵᠢᠨ ᠭᠠᠶ᠋ᠢᠯᠢ ᠲᠤᠰᠢᠶᠠᠬᠤ ᠳᠦᠭᠦᠮᠴᠢᠯᠡᠯ᠎ᠢ ᠳᠦᠷᠢᠮ᠎ᠤᠨ ᠲᠠᠯ᠎ᠠ᠎ᠪᠠᠷ ᠪᠠᠲᠤᠯᠠᠬᠤ ᠬᠡᠷᠡᠭᠲᠡᠢ᠃ ᠭᠠᠶ᠋ᠢᠯᠢ ᠲᠠᠲᠠᠪᠤᠷᠢ ᠵᠢᠨ ᠲᠣᠭ᠎ᠠ ᠪᠠᠷᠢᠮᠲᠠ ᠵᠢ ᠴᠤᠭᠯᠠᠭᠤᠯᠤᠨ ᠮᠡᠳᠡᠭᠦᠯᠬᠦ ᠪᠠ ᠭᠠᠶ᠋ᠢᠯᠢ ᠲᠠᠲᠠᠪᠤᠷᠢ ᠵᠢᠨ ᠠᠵᠤ ᠠᠬᠤᠶ ᠵᠢ ᠵᠠᠳᠠᠯᠬᠤ ᠠᠵᠢᠯ᠎ᠢ ᠰᠠᠶ᠋ᠢᠲᠤᠷ ᠬᠢᠵᠦ᠂ ᠭᠠᠶ᠋ᠢᠯᠢ ᠵᠢᠨ ᠡᠭᠦᠷᠭᠡᠯᠡᠯ᠎ᠤᠨ ᠬᠤᠪᠢᠷᠠᠯᠲᠠ ᠵᠢᠨ ᠪᠠᠶ᠋ᠢᠳᠠᠯ᠎ᠢ ᠨᠢᠭᠲᠠ ᠠᠩᠬᠠᠷᠬᠤ ᠬᠡᠷᠡᠭᠲᠡᠢ᠃ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠠᠵᠢᠯ᠎ᠤᠨ ᠤᠬᠠᠭᠤᠯᠭ᠎ᠠ ᠵᠢᠨ ᠡᠷᠴᠢᠮ᠎ᠢ ᠨᠡᠮᠡᠭᠳᠡᠭᠦᠯᠵᠦ᠂ ᠵᠥᠪ ᠲᠠᠯ᠎ᠠ ᠵᠢᠨ ᠤᠬᠠᠭᠤᠯᠭ᠎ᠠ ᠪᠠ ᠵᠢᠯᠣᠭᠣᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠶ᠃
      ᠳᠦᠷᠪᠡ᠎ᠳᠤ ᠬᠣᠷᠰᠢᠯᠴᠠᠭ᠎ᠠ ᠵᠢ ᠲᠠᠬᠢᠨ ᠭᠦᠨᠵᠡᠭᠡᠶ᠋ᠢᠷᠡᠭᠦᠯᠵᠦ᠂ ᠭᠠᠷ ᠬᠣᠯᠪᠣᠨ ᠰᠡᠳᠬᠢᠯ ᠵᠶ᠋ᠠᠨ ᠨᠢᠭᠡᠳᠬᠡᠵᠦ ᠥᠭᠡᠷᠡᠴᠢᠯᠡᠯᠲᠡ ᠵᠢ ᠠᠬᠢᠭᠤᠯᠬᠤ ᠬᠡᠷᠡᠭᠲᠡᠶ᠃ ᠲᠠᠲᠠᠪᠤᠷᠢᠯᠠᠨ ᠬᠠᠮᠢᠶᠠᠷᠬᠤ ᠠᠵᠢᠯ᠎ᠤᠨ ᠬᠠᠮᠵᠢᠯᠴᠠᠭ᠎ᠠ ᠵᠢ ᠨᠢᠭᠲᠠ ᠴᠢᠩᠭ᠋ᠠᠳᠬᠠᠵᠤ᠂ ᠪᠠᠷᠢᠮᠲᠠ ᠵᠢᠨ ᠬᠠᠮᠢᠶᠠᠷᠤᠯᠲᠠ᠂ ᠲᠣᠭᠲᠠᠭᠰᠠᠨ ᠨᠣᠷᠮ᠎ᠠ ᠵᠢᠨ ᠬᠠᠮᠢᠶᠠᠷᠤᠯᠲᠠ᠂ ᠥᠷᠢᠲᠦᠭᠰᠡᠨ ᠭᠠᠶ᠋ᠢᠯᠢ ᠵᠢᠨ ᠬᠠᠮᠢᠶᠠᠷᠤᠯᠲᠠ ᠵᠡᠷᠭᠡ ᠵᠦᠢ᠍ᠯᠡᠰ᠎ᠤᠨ ᠵᠣᠯᠭ᠋ᠠᠯᠳᠤᠯ ᠪᠠ ᠰᠢᠯᠵᠢᠯᠲᠡ ᠵᠢ ᠣᠷᠣᠨ ᠨᠤᠲᠤᠭ᠎ᠤᠨ ᠭᠠᠶ᠋ᠢᠯᠢ ᠵᠢᠨ ᠰᠠᠯᠠᠭ᠎ᠠ ᠮᠥᠴᠢᠷ᠎ᠲᠠᠢ ᠬᠠᠮᠲᠤ᠎ᠪᠠᠷ ᠰᠠᠶ᠋ᠢᠲᠤᠷ ᠰᠢ᠌ᠳᠪᠦᠷᠢᠯᠡᠬᠦ ᠬᠡᠷᠡᠭᠲᠡᠶ᠃ ᠤᠯᠤᠰ ᠪᠠ ᠣᠷᠣᠨ ᠨᠤᠲᠤᠭ᠎ᠤᠨ ᠭᠠᠶ᠋ᠢᠯᠢ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ᠂ ᠤᠯᠤᠰ᠎ᠤᠨ ᠭᠠᠶ᠋ᠢᠯᠢ᠂ ᠣᠷᠣᠨ ᠨᠤᠲᠤᠭ᠎ᠤᠨ ᠭᠠᠶ᠋ᠢᠯᠢ ᠬᠣᠭᠣᠷᠤᠨᠳᠤ᠎ᠪᠠᠨ ᠴᠣᠩᠬᠣᠪᠴᠢ ᠭᠠᠷᠭ᠋ᠠᠵᠤ᠂ ᠭᠠᠶ᠋ᠢᠯᠢ ᠲᠤᠰᠢᠶᠠᠬᠤ ᠦᠢ᠍ᠯᠡᠴᠢᠯᠡᠭᠡᠨ᠎ᠤ ᠲᠠᠩᠬᠢᠮ᠎ᠢ ᠬᠠᠮᠲᠤ᠎ᠪᠠᠷ ᠪᠠᠶ᠋ᠢᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠲᠤ ᠬᠠᠮᠲᠤ ᠠᠵᠢᠯᠯᠠᠬᠤ ᠵᠡᠷᠭᠡ ᠠᠷᠭ᠎ᠠ ᠮᠠᠶᠢᠭ ᠵᠶ᠋ᠠᠷ᠂ ᠭᠠᠶ᠋ᠢᠯᠢ ᠲᠤᠰᠢᠶᠠᠭᠴᠢᠳ 《ᠨᠢᠭᠡ ᠡᠭᠦᠳᠡ᠎ᠪᠠᠷ ᠣᠷᠣᠵᠤ᠂ ᠬᠣᠶᠠᠷ ᠤᠴᠢᠷ ᠵᠶ᠋ᠡᠨ ᠭᠦᠢ᠍ᠴᠡᠳᠬᠡᠵᠦ ᠪᠣᠯᠬᠤ》 ᠵᠢ ᠴᠢᠷᠮᠠᠶ᠋ᠢᠨ ᠪᠡᠶᠡᠯᠡᠭᠦᠯᠬᠦ ᠬᠡᠷᠡᠭᠲᠡᠢ᠃
      ᠲᠠᠪᠤ᠎ᠳᠤ ᠬᠠᠷᠢᠭᠤᠴᠠᠯᠭ᠎ᠠ ᠵᠢ ᠴᠢᠨᠠᠭᠰᠢᠳᠠ ᠨᠠᠶ᠋ᠢᠳᠠᠪᠤᠷᠢᠵᠢᠭᠤᠯᠵᠤ᠂ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠵᠢ ᠪᠥᠬᠥ ᠬᠦᠴᠦᠨ ᠵᠶ᠋ᠠᠷ ᠲᠥᠯᠬᠢᠨ ᠠᠬᠢᠭᠤᠯᠬᠤ ᠬᠡᠷᠡᠭᠲᠡᠢ᠃ ᠤᠳᠠᠭ᠎ᠠ ᠵᠢᠨ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠲᠤᠰᠬᠠᠢ ᠰᠢᠮᠳᠠᠭᠤᠯᠬᠤ ᠪᠠᠢ᠌ᠴᠠᠭ᠋ᠠᠯᠲᠠ ᠵᠢ ᠵᠢᠯ᠎ᠤᠨ ᠳᠣᠲᠣᠷ᠎ᠠ 5 ᠤᠳᠠᠭ᠎ᠠ ᠥᠷᠨᠢᠭᠦᠯᠵᠦ᠂ ᠪᠤᠢ ᠪᠦᠬᠦᠢ ᠠᠶ᠋ᠢᠮᠠᠭ ᠬᠤᠳᠠ᠂ ᠬᠣᠰᠢᠭᠤ ᠰᠢᠶᠠᠨ ᠪᠦᠬᠦᠨ᠎ᠢ ᠪᠦᠷᠬᠦᠭᠦᠯᠬᠦ ᠵᠢ ᠪᠡᠶᠡᠯᠡᠭᠦᠯᠦᠨ᠎ᠡ᠃
      ᠬᠥᠲᠥᠯᠥᠭᠴᠢ᠄
      ᠵᠠ᠂ ᠵᠠᠩ ᠡᠷᠬᠢᠯᠡᠭᠴᠢ ᠵᠢᠨ ᠬᠠᠷᠢᠭᠤᠯᠲᠠ ᠥᠭᠭᠦᠭᠰᠡᠨ᠎ᠳᠤ ᠲᠠᠯᠠᠷᠬᠠᠯ᠎ᠠ᠂ ᠰᠦᠯᠵᠢᠶᠡᠨ  ᠎ᠤ ᠠᠨᠳᠠ ᠨᠠᠷ᠎ᠤᠨ ᠣᠷᠣᠯᠴᠠᠭᠰᠠᠨ᠎ᠳᠤ ᠲᠠᠯᠠᠷᠬᠠᠵᠤ ᠪᠠᠢ᠌ᠨ᠎ᠠ᠂ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ   ᠬᠦᠷᠦᠭᠡᠳ ᠥᠨᠳᠥᠷᠯᠡᠯ᠎ᠡ᠂ ᠪᠠᠶᠠᠷᠲᠠᠢ᠃
   

      ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠠᠵᠢᠯ᠎ᠢ ᠲᠤᠰᠬᠠᠢ ᠰᠤᠳᠤᠯᠤᠨ ᠪᠠᠢ᠌ᠷᠢᠯᠠᠭᠤᠯᠪᠠ


     

      ᠲᠣᠪᠴᠢᠶᠠᠨ ᠳᠠᠷᠤᠭ᠎ᠠ ᠵᠠᠩ ᠱᠧ ᠠᠨ ᠦᠨᠳᠦᠰᠦᠨ ᠱᠠᠲᠤᠨ᠎ᠳᠤ ᠭᠦᠨᠵᠡᠭᠡᠢ᠌ᠷᠡᠨ ᠠᠵᠢᠯ ᠪᠠᠢ᠌ᠴᠠᠭ᠋ᠠᠨ ᠵᠢᠯᠣᠭᠣᠳᠴᠤ ᠪᠠᠢ᠌ᠭ᠎ᠠ᠎ᠨᠢ


      ᠪᠦᠬᠦᠨ ᠣᠷᠣᠨ᠎ᠤ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠠᠵᠢᠯ᠎ᠤᠨ ᠬᠤᠷᠠᠯ᠎ᠤᠨ ᠲᠠᠯᠠᠪᠠᠢ

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ᠎ᠢ ᠲᠡᠮᠳᠡᠭᠯᠡᠬᠦ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ》 ᠵᠢᠨ ᠲᠠᠶ᠋ᠢᠯᠤᠮᠵᠢ
ᠲᠠᠷᠢᠶᠠᠯᠠᠩ ᠮᠠᠯ ᠠᠵᠤ ᠠᠬᠤᠶ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠶᠡᠬᠡᠪᠡᠷ ᠠᠬᠢᠭᠤᠯᠵᠤ ᠪᠣᠬᠢᠷᠲᠤᠯ ᠦᠭᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠦᠢ᠍ᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭ᠋ᠠᠬᠤ ᠰᠠᠭᠤᠷᠢᠨ ᠭᠠᠵᠠᠷ᠎ᠤᠨ ᠪᠥᠳᠥᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠶ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《13· 5》 ᠵᠢᠨ ᠲᠥᠯᠥᠪᠵᠢᠭᠦᠯᠭᠡ ᠵᠢᠨ 《ᠬᠥᠲᠥᠯᠪᠦᠷᠢ》 ᠵᠢᠨ ᠲᠠᠶ᠋ᠢᠯᠤᠮᠵᠢ
ᠳᠡᠭᠡᠳᠦ ᠬᠤᠷᠲᠤ ᠵᠢᠨ ᠥᠷᠭᠡᠨ ᠪᠦᠰᠡᠲᠦ ᠰᠦᠯᠵᠢᠶᠡᠨ᠎ᠤ ᠪᠠᠶ᠋ᠢᠭᠤᠯᠤᠯᠲᠠ ᠵᠢ ᠲᠦᠷᠭᠡᠳᠬᠡᠵᠦ᠂ ᠮᠠᠨ᠎ᠤ ᠣᠷᠣᠨ᠎ᠤ ᠮᠡᠳᠡᠭᠡ ᠵᠠᠩᠭᠢᠵᠢᠯᠲᠠ ᠵᠢᠨ ᠬᠢᠷᠢ ᠬᠡᠮᠵᠢᠶ᠎ᠡ ᠵᠢ ᠦᠨᠡᠨ ᠬᠦ᠌ ᠳᠡᠭᠡᠭᠰᠢᠯᠡᠭᠦᠯᠦᠶ᠎ᠡ
ᠮᠠᠨ᠎ᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠬᠦᠳᠦᠯᠲᠡ
 
            