ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《13· 5》 ᠵᠢᠨ ᠲᠥᠯᠥᠪᠵᠢᠭᠦᠯᠭᠡ ᠵᠢᠨ 《ᠬᠥᠲᠥᠯᠪᠦᠷᠢ》 ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2016-04-05


      ᠰᠤᠷᠪᠤᠯᠵᠢᠯᠠᠭᠰᠠᠨ ᠴᠠᠭ᠄
     2016 ᠣᠨ᠎ᠤ 3 ᠳ᠋ᠤᠭ᠋ᠠᠷ ᠰᠠᠷ᠎ᠠ ᠵᠢᠨ 14᠎ᠤ ᠡᠳᠦᠷ᠎ᠤᠨ ᠦᠳᠡ ᠵᠢᠨ ᠬᠣᠶ᠋ᠢᠨᠠᠬᠢ 4 ᠴᠠᠭ᠎ᠲᠤ
      ᠰᠤᠷᠪᠤᠯᠵᠢᠯᠠᠭᠰᠠᠨ ᠵᠣᠴᠢᠳ᠄
      ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠬᠢᠯᠡᠭᠴᠢ ᠸᠠᠩ ᠵᠢᠨ ᠪᠤᠤ
      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
     《13· 5》 ᠵᠢᠨ ᠬᠤᠭᠤᠴᠠᠭ᠋ᠠᠨ᠎ᠳᠠᠬᠢ ᠮᠠᠨ᠎ᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠭᠣᠣᠯ ᠬᠠᠷᠠᠯᠲᠠ ᠪᠣᠯ᠄ ᠠᠵᠤ ᠠᠬᠤᠶ ᠳᠤᠮᠳᠠ ᠳᠡᠭᠡᠳᠦ ᠬᠤᠷᠳᠤᠴᠠ᠎ᠪᠠᠷ ᠨᠡᠮᠡᠭᠳᠡᠬᠦ ᠵᠢ ᠪᠠᠲᠤᠯᠠᠵᠤ᠂ ᠪᠡᠯᠡ ᠣᠷᠣᠭᠤᠯᠤᠯᠲᠠ ᠵᠢᠨ ᠬᠡᠪᠴᠢᠶ᠎ᠡ ᠵᠢ ᠥᠷᠭᠡᠳᠬᠡᠵᠦ᠂ ᠪᠦᠲᠦᠴᠡ ᠵᠢ ᠰᠢᠯᠢᠳᠡᠭᠵᠢᠭᠦᠯᠵᠦ᠂ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠠᠵᠤ ᠠᠬᠤᠶ ᠵᠢᠨ ᠨᠡᠮᠡᠭᠳᠡᠯ᠎ᠳᠤ ᠬᠡᠷᠡᠭᠯᠡᠭᠡᠨ᠎ᠤ ᠦᠵᠡᠭᠦᠯᠬᠦ   ᠬᠤᠪᠢ ᠨᠡᠮᠡᠷᠢ ᠵᠢ ᠢᠯᠡᠳᠲᠡ ᠳᠡᠭᠡᠭᠰᠢᠯᠡᠭᠦᠯᠵᠦ᠂ ᠠᠵᠤ ᠠᠬᠤᠶ ᠵᠢᠨ ᠨᠡᠮᠡᠭᠳᠡᠯ᠎ᠳᠤ ᠭᠠᠳᠠᠭ᠋ᠠᠳᠤ ᠭᠠᠷᠭ᠋ᠠᠯᠲᠠ ᠵᠢᠨ ᠠᠬᠢᠭᠤᠯᠬᠤ ᠦᠢ᠍ᠯᠡᠳᠦᠯ᠎ᠢ ᠴᠢᠩᠭ᠋ᠠᠳᠬᠠᠨ᠎ᠠ; ᠬᠠᠩᠭ᠋ᠠᠯᠭ᠎ᠠ ᠵᠢᠨ ᠬᠡᠪᠴᠢᠶ᠎ᠡ ᠵᠢ ᠥᠷᠭᠡᠳᠬᠡᠵᠦ᠂ ᠶᠠᠰᠤ ᠴᠢᠨᠠᠷ᠎ᠢ ᠰᠠᠢ᠌ᠵᠢᠷᠠᠭᠤᠯᠤᠨ᠎ᠠ; ᠰᠠᠭᠤᠷᠢ ᠪᠡᠯᠡᠳᠬᠡᠮᠵᠢ ᠵᠢᠨ ᠰᠢᠰᠲ᠋ᠧᠮᠵᠢ ᠵᠢ ᠨᠡᠩ ᠢᠯᠡᠭᠦᠦ ᠲᠡᠭᠦᠯᠳᠡᠷᠵᠢᠭᠦᠯᠦᠨ᠎ᠡ; ᠬᠥᠭᠵᠢᠯᠲᠡ ᠵᠢᠨ ᠶᠠᠰᠤ ᠴᠢᠨᠠᠷ ᠪᠣᠯᠣᠨ ᠦᠷ᠎ᠡ ᠠᠰᠢᠭ᠎ᠢ ᠳᠡᠭᠡᠭᠰᠢᠯᠡᠭᠦᠯᠵᠦ᠂ ᠤᠯᠠᠨ ᠨᠡᠶ᠋ᠢᠲᠡ ᠵᠢᠨ ᠡᠳ᠋᠎ᠤᠨ ᠵᠠᠰᠠᠭ᠎ᠤᠨ ᠲᠥᠰᠦᠪ᠎ᠤᠨ ᠣᠷᠣᠯᠭ᠎ᠠ᠂ ᠠᠵᠤ ᠠᠬᠤᠶ᠋ᠢᠯᠠᠯ᠎ᠤᠨ ᠠᠰᠢᠭ ᠬᠣᠨᠵᠢᠪᠣᠷᠢ ᠵᠢᠨ ᠨᠤᠷᠮ᠎ᠠ ᠵᠢ ᠲᠣᠭᠲᠠᠭᠤᠨ ᠵᠶ᠋ᠠᠷ ᠳᠡᠭᠡᠭᠰᠢᠯᠡᠭᠦᠯᠵᠦ᠂ ᠪᠠᠷᠠᠭ᠋ᠠᠨ᠎ᠤ ᠦᠨ᠎ᠡ ᠬᠠᠩᠰᠢ ᠵᠢᠨ ᠬᠡᠮᠵᠢᠶ᠎ᠡ ᠵᠢ ᠵᠦᠶ ᠵᠣᠬᠢᠰᠲᠠᠶ ᠣᠷᠣᠨ ᠵᠠᠶ᠎ᠳᠤ ᠪᠠᠢ᠌ᠯᠭ᠋ᠠᠵᠤ᠂ ᠠᠵᠤ ᠠᠬᠤᠶ ᠵᠢᠨ ᠭᠣᠣᠯ ᠭᠦᠢ᠍ᠴᠡᠳᠬᠡᠬᠦ ᠲᠣᠭ᠎ᠠ ᠵᠢ ᠲᠡᠩᠴᠡᠭᠦᠷᠢᠲᠡᠶ ᠵᠣᠬᠢᠴᠠᠩᠭᠤᠶ ᠪᠠᠢ᠌ᠯᠭ᠋ᠠᠨ᠎ᠠ᠃ ᠬᠥᠭᠵᠢᠯᠲᠡ ᠵᠢᠨ ᠠᠷᠭ᠎ᠠ ᠮᠠᠶᠢᠭ᠎ᠢ ᠬᠤᠪᠢᠷᠠᠭᠤᠯᠬᠤ ᠲᠠᠯ᠎ᠠ᠎ᠪᠠᠷ ᠴᠢᠬᠤᠯᠠ ᠶᠡᠬᠡ ᠰᠢᠪᠲᠤᠯᠤᠯᠲᠠ ᠭᠠᠷᠭ᠋ᠠᠵᠤ᠂ ᠠᠵᠤ ᠦᠢ᠍ᠯᠡᠰ᠎ᠢ ᠳᠤᠮᠳᠠ ᠳᠡᠭᠡᠳᠦ ᠳᠠᠪᠬᠤᠷᠭ᠎ᠠ ᠵᠦᠭ ᠬᠥᠭᠵᠢᠭᠦᠯᠵᠦ᠂ ᠤᠯᠠᠨ ᠡᠰᠢᠵᠢᠭᠦᠯᠦᠨ ᠬᠦᠭᠵᠢᠭᠦᠯᠬᠦ ᠤᠯᠠᠨ ᠲᠤᠶ᠋ᠢᠯᠰᠢᠷᠠᠯ ᠵᠶ᠋ᠠᠷ ᠲᠦᠰᠢᠭ ᠪᠣᠯᠭ᠋ᠠᠭᠰᠠᠨ ᠤᠳᠤ ᠦᠶ᠎ᠡ ᠵᠢᠨ ᠠᠵᠤ ᠦᠢ᠍ᠯᠡᠰ᠎ᠤᠨ ᠰᠢᠰᠲ᠋ᠧᠮᠵᠢ ᠵᠢ ᠦᠨᠳᠦᠰᠦᠨ᠎ᠳᠡᠭᠡᠨ ᠪᠦᠷᠢᠯᠳᠦᠭᠦᠯᠦᠨ᠎ᠡ; 《ᠲᠠᠪᠤᠨ ᠶᠠᠬᠡ ᠰᠠᠭᠤᠷᠢᠨ》᠎ᠤ ᠪᠦᠲᠦᠬᠡᠨ ᠪᠠᠢ᠍ᠢ᠍ᠭᠤᠯᠤᠯᠲᠠ ᠵᠢ ᠬᠦᠨᠵᠡᠬᠡᠢ ᠠᠬᠢᠭᠤᠯᠵᠤ᠂ ᠡᠬᠢ ᠪᠠᠶᠠᠯᠢᠭ᠎ᠢ ᠶᠠᠷᠦᠡᠭᠬᠡᠢ᠍ᠢ᠍ᠯᠠᠨ ᠠᠰᠢᠡᠡᠯᠠᠬᠤ ᠨᠤᠷᠮ᠎ᠠ ᠪᠠ ᠨᠠᠷᠢᠯᠢᠭ ᠡᠳ᠋ᠰᠢᠬᠦᠯᠤᠨ ᠪᠣᠯᠪᠠᠰᠣᠷᠠᠭᠣᠯᠬᠣ ᠬᠡᠮᠵᠢᠶ᠎ᠠ ᠵᠢ ᠲᠠᠬᠡᠭᠰᠢᠯᠡᠬᠦᠯᠤᠨ᠎ᠠ; ᠠᠵᠣ ᠠᠬᠣᠢ ᠵᠢᠨ ᠨᠡᠮᠡᠭᠳᠡᠯ᠎ᠳᠠᠬᠢ ᠰᠢᠨᠵᠢᠯᠡᠬᠦ ᠣᠬᠠᠭ᠋ᠠᠨ ᠮᠡᠷᠭᠡᠵᠢᠯ᠎ᠤᠨ ᠬᠣᠪᠢ ᠨᠡᠮᠡᠷᠢ ᠵᠢᠨ ᠨᠣᠷᠮ᠎ᠠ ᠵᠢ ᠳᠡᠭᠡᠭᠰᠢᠯᠡᠭᠦᠯᠵᠦ᠂ ᠰᠢᠨ᠎ᠡ ᠵᠢ ᠡᠭᠦᠳᠬᠦ᠎ᠪᠠᠷ ᠬᠦᠳᠡᠯᠭᠡᠭᠦᠷ ᠪᠣᠯᠭ᠋ᠠᠭᠰᠠᠨ ᠬᠦᠭᠵᠢᠯᠳᠡ ᠵᠢᠨ ᠪᠠᠢ᠍ᠢ᠍ᠷᠢᠰᠢᠯ᠎ᠢ ᠠᠩᠬ᠎ᠠ ᠠᠯᠬᠣᠮ ᠪᠦᠷᠢᠯᠳᠦᠭᠦᠯᠦᠨ᠎ᠡ; ᠬᠣᠳᠠ ᠪᠠᠯᠭ᠋ᠠᠰᠣᠵᠢᠯᠳᠠ ᠵᠢᠨ ᠲᠤᠳᠤᠭ᠋ᠠᠳᠤ ᠠᠭᠤᠯᠬᠤᠨ᠎ᠢ ᠬᠦᠭᠵᠢᠭᠦᠯᠵᠦ᠂ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠦ᠂ ᠬᠣᠳᠠ ᠬᠦᠳᠡᠭᠡ ᠵᠣᠬᠢᠴᠠᠩᠭᠣᠢ᠎ᠪᠠᠷ ᠬᠦᠭᠵᠢᠬᠦ ᠪᠠᠢ᠍ᠢ᠍ᠷᠢᠰᠢᠯ᠎ᠢ ᠦᠨᠳᠦᠰᠦᠨ᠎ᠳᠡᠭᠡᠨ ᠪᠦᠷᠢᠯᠳᠦᠭᠦᠯᠦᠨ᠎ᠡ; ᠦᠢ᠍ᠯᠡᠳᠪᠦᠷᠢᠯᠡᠯ᠎ᠤᠨ ᠬᠦᠴᠦᠨ᠎ᠤ ᠳᠠᠷᠬᠠᠴᠠ ᠵᠢ ᠴᠢᠨᠠᠭᠰᠢᠳᠠ ᠰᠢᠯᠢᠳᠡᠭᠵᠢᠭᠦᠯᠵᠦ᠂ ᠣᠷᠣᠨ ᠪᠦᠰᠡ ᠵᠢᠨ ᠬᠦᠭᠵᠢᠯᠳᠡ ᠵᠢᠨ ᠵᠣᠬᠢᠴᠠᠩᠭᠣᠢ ᠴᠢᠨᠠᠷ᠎ᠢ ᠳᠠᠰᠣᠷᠠᠯᠳᠠ ᠦᠭᠡᠢ ᠳᠡᠭᠡᠭᠰᠢᠯᠡᠭᠦᠯᠦᠨ᠎ᠡ᠃ ᠠᠷᠠᠳ ᠲᠦᠮᠡᠨ᠎ᠤ ᠠᠮᠢᠳᠣᠷᠠᠯ᠎ᠤᠨ ᠲᠦᠪᠰᠢᠨ ᠪᠣᠯᠣᠨ ᠴᠢᠨᠠᠷ ᠴᠢᠨᠰᠠᠭ᠎ᠠ ᠵᠢ ᠨᠡᠢ᠍ᠢ᠍ᠳᠡᠮ ᠳᠡᠭᠡᠭᠰᠢᠯᠡᠭᠦᠯᠵᠦ᠂ ᠬᠣᠳᠠ ᠬᠦᠳᠡᠭᠡ ᠵᠢᠨ ᠰᠠᠭᠣᠭ᠋ᠠᠯᠢ ᠠᠷᠠᠳ᠎ᠤᠨ ᠣᠷᠣᠯᠭ᠎ᠠ ᠵᠢ ᠪᠦᠬᠦ ᠣᠯᠣᠰ᠎ᠤᠨ ᠲᠤᠮᠲᠠᠴᠢ ᠲᠦᠪᠰᠢᠨ᠎ᠳᠤ ᠬᠦᠷᠬᠡᠵᠤ᠂ ᠤᠯᠤᠰ᠎ᠤᠨ ᠤᠲᠣ ᠵᠢᠨ ᠬᠡᠷᠡᠭᠵᠢᠬᠦᠯᠵᠤ ᠪᠦᠬᠦᠢ ᠪᠠᠷᠢᠮᠵᠢᠶ᠎ᠠ᠎ᠠᠴᠠ ᠲᠤᠤᠷ᠎ᠠ ᠪᠠᠢ᠍ᠢ᠍ᠭ᠎ᠠ ᠶᠠᠲᠠᠭᠤ ᠬᠦᠴᠢᠷᠲᠡᠯᠳᠠᠢ ᠬᠦᠮᠤᠨ ᠠᠮᠠ ᠵᠢ ᠶᠠᠲᠠᠭᠤ᠎ᠠᠴᠠ ᠠᠡᠭᠭᠢᠵᠢᠷᠠᠭᠤᠯᠵᠤ᠂ ᠶᠠᠲᠠᠭᠤ ᠬᠦᠴᠢᠷ᠎ᠲᠠᠢ ᠬᠤᠰᠢᠭᠤ ᠰᠢᠶᠠᠨ ᠪᠦᠬᠦᠨ᠎ᠢ ᠶᠠᠲᠠᠭᠤ᠎ᠠᠴᠠ ᠠᠡᠭᠭᠢᠵᠢᠷᠠᠭᠤᠯᠵᠤ᠂ ᠶᠠᠲᠠᠭᠤ ᠬᠦᠴᠢᠷᠲᠡᠯᠳᠠᠢ ᠠᠰᠠᠭᠣᠳᠠᠯ᠎ᠢ ᠤᠷᠤᠨ ᠪᠦᠰᠡ ᠵᠢᠨ ᠴᠢᠨᠠᠷᠲᠠᠢ ᠪᠦᠬᠦᠯᠢ ᠴᠤᠭᠴᠠ᠎ᠪᠠᠷ ᠵᠶ᠋ᠠᠨ ᠰᠢᠢ᠍ᠳᠪᠤᠷᠢᠯᠠᠨ᠎ᠠ᠃ ᠤᠯᠤᠰ ᠠᠷᠠᠳ᠎ᠤᠨ ᠬᠡᠪ ᠪᠤᠯᠪᠠᠰᠤᠷᠠᠯ ᠪᠣᠯᠣᠨ ᠨᠠᠢ᠍ᠢ᠍ᠬᠡᠮ᠎ᠤᠨ ᠪᠤᠯᠪᠠᠰᠤᠨ᠎ᠤ ᠲᠦᠪᠰᠢᠨ᠎ᠢ ᠮᠡᠳᠡᠭᠲᠠᠮ᠎ᠠ ᠲᠠᠬᠡᠭᠰᠢᠯᠡᠬᠦᠯᠤᠨ᠎ᠠ᠃ ᠠᠮᠢ ᠠᠬᠤᠢ ᠵᠢᠨ ᠤᠷᠴᠢᠨ ᠲᠤᠭᠤᠷᠢᠨ᠎ᠤ ᠴᠢᠨᠠᠷ ᠴᠢᠨᠰᠠᠭ᠎ᠠ ᠵᠢ ᠦᠷᠬᠦᠯᠵᠢᠯᠠᠨ ᠰᠠᠢ᠍ᠢ᠍ᠵᠢᠷᠠᠭᠤᠯᠤᠨ᠎ᠠ᠃ ᠡᠯ᠎ᠠ ᠲᠠᠯ᠎ᠠ ᠵᠢᠨ ᠪᠠᠢ᠍ᠢ᠍ᠭᠤᠯᠤᠮᠵᠢ ᠲᠤᠭᠲᠠᠴᠠ ᠵᠢ ᠨᠠᠡᠭ ᠪᠦᠷᠢᠨᠰᠢᠬᠦᠯᠤᠨ ᠲᠠᠬᠦᠯᠲᠠᠷᠵᠢᠬᠦᠯᠤᠨ᠎ᠠ᠃
                    ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ
      ᠬᠥᠲᠥᠯᠥᠭᠴᠢ᠄

      ᠰᠦᠯᠵᠢᠶᠡᠨ᠎ᠤ ᠠᠨᠳᠠ ᠨᠠᠷ ᠰᠠᠢ᠍ᠢ᠍ᠨ ᠪᠠᠶ᠋ᠢᠨ᠎ᠠ ᠤᠤ! ᠲᠣᠰ ᠬᠤᠭᠤᠴᠠᠭ᠋ᠠᠨ᠎ᠤ 《ᠳᠤᠮᠳᠠᠳᠤ ᠤᠯᠤᠰ· ᠥᠪᠥᠷ ᠮᠣᠩᠭᠣᠯ 》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢᠨ ᠪᠤᠯᠤᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠢᠰᠦᠳᠦᠭᠡᠷ ᠬᠤᠭᠤᠴᠠᠭ᠋ᠠᠨ᠎ᠤ ᠬᠣᠷᠢᠶ᠎ᠠ ᠵᠢᠨ ᠠᠷᠪᠠᠨ ᠳᠥᠷᠪᠡᠳᠦᠭᠡᠷ ᠤᠳᠠᠭ᠋ᠠᠨ᠎ᠤ ᠪᠥᠬᠥᠳᠡ ᠬᠤᠷᠠᠯ᠎ᠠᠴᠠ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ ᠪᠣᠯᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ ᠲᠤᠤᠱᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠰᠢᠷᠢᠰ ᠴᠢᠬᠤᠯᠠ ᠶᠠᠷᠢᠶ᠎ᠠ ᠪᠣᠯᠤᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ᠎ᠳᠤ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠤᠱᠯᠠᠭᠤᠯᠵᠤ᠂ ᠬᠥᠭᠵᠢᠯᠲᠡ᠎ᠳᠤ ᠲᠤᠯᠭ᠋ᠠᠷᠠᠵᠤ ᠪᠠᠶ᠋ᠢᠭ᠎ᠠ ᠪᠠᠶ᠋ᠢᠳᠠᠯ ᠪᠣᠯᠤᠨ ᠡᠭᠦᠷᠭᠡ ᠵᠢ ᠪᠦᠬᠦ ᠲᠠᠯ᠎ᠠ᠎ᠪᠠᠷ ᠵᠠᠳᠠᠯᠵᠤ᠂ 《13 · 5》 ᠵᠢᠨ   ᠬᠤᠭᠤᠴᠠᠭ᠎ᠠ ᠪᠣᠯ ᠥᠪᠥᠷ ᠮᠣᠩᠭᠣᠯ᠎ᠤᠨ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠡᠶᠡᠯᠡᠭᠦᠯᠬᠦ   ᠰᠢᠢ᠍ᠳᠪᠦᠷᠢᠲᠦ ᠱᠠᠲᠤ ᠪᠣᠯᠬᠣᠷ᠂ 《13 · 5》 ᠵᠢᠨ ᠲᠥᠯᠥᠪᠵᠢᠭᠦᠯᠭᠡ ᠵᠢ ᠡᠷᠬᠡᠪᠰᠢ ᠡᠨᠡ ᠬᠦ᠌ ᠲᠡᠮᠡᠴᠡᠯ᠎ᠤᠨ ᠬᠠᠷᠠᠯᠲᠠ ᠵᠢ ᠪᠡᠶᠡᠯᠡᠭᠦᠯᠬᠦ᠎ᠲᠠᠢ ᠨᠢᠭᠲᠠ ᠤᠶᠠᠯᠳᠤᠭᠤᠯᠤᠨ ᠲᠣᠭᠲᠠᠭ᠋ᠠᠬᠤ ᠬᠡᠷᠡᠭᠲᠡᠶ ᠭᠡᠵᠦ ᠦᠵᠡᠵᠡᠢ᠃ ᠥᠨᠥᠳᠦᠷ ᠪᠢᠳᠡ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠥᠭᠡᠷᠡᠴᠢᠯᠡᠯᠲᠡ ᠬᠥᠭᠵᠢᠭᠦᠯᠦᠯᠲᠡ ᠵᠢᠨ ᠵᠥᠪᠯᠡᠯ᠎ᠤᠨ ᠳᠡᠳ᠋ ᠡᠷᠬᠢᠯᠡᠭᠴᠢ ᠸᠠᠩ ᠵᠢᠨ ᠪᠤᠤ ᠵᠢ ᠤᠷᠢᠵᠤ᠂ ᠮᠠᠨ᠎ᠤ ᠣᠷᠣᠨ᠎ᠤ 《13 · 5》 ᠵᠢᠨ ᠲᠥᠯᠥᠪᠵᠢᠭᠦᠯᠭᠡ ᠵᠢᠨ 《ᠬᠥᠲᠥᠯᠪᠦᠷᠢ》 ᠵᠢᠨ ᠲᠣᠬᠠᠢ ᠤᠯᠠᠨ᠎ᠳᠤ ᠨᠠᠷᠢᠨ ᠲᠣᠳᠣᠷᠬᠠᠶ   ᠲᠠᠢ᠌ᠯᠦᠮᠵᠢ ᠬᠢᠬᠦ᠎ᠪᠠᠷ ᠪᠤᠢ᠃ ᠸᠠᠩ ᠡᠷᠬᠢᠯᠡᠭᠴᠢ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
      ᠸᠠᠩ ᠵᠢᠨ ᠪᠤᠤ᠄
      ᠬᠥᠲᠥᠯᠥᠭᠴᠢ ᠰᠠᠢ᠍ᠢ᠍ᠨ ᠤᠤ᠂ ᠰᠦᠯᠵᠢᠶᠡᠨ᠎ᠤ ᠠᠨᠳᠠ ᠨᠠᠷ ᠰᠠᠢ᠌ᠨ ᠤᠤ!   ᠲᠠ ᠪᠦᠬᠦᠨ᠎ᠲᠠᠢ ᠮᠠᠨ᠎ᠤ ᠣᠷᠣᠨ᠎ᠤ 《13 · 5》 ᠵᠢᠨ ᠲᠥᠯᠥᠪᠵᠢᠭᠦᠯᠭᠡ ᠵᠢᠨ 《ᠬᠥᠲᠥᠯᠪᠦᠷᠢ》 ᠵᠢᠨ ᠲᠣᠬᠠᠢ ᠰᠠᠨᠠᠯ ᠵᠶ᠋ᠡᠨ ᠰᠣᠯᠢᠯᠴᠠᠬᠤ ᠪᠣᠯᠣᠭᠰᠠᠨ᠎ᠳᠠᠭᠠᠨ ᠪᠠᠶᠠᠷᠲᠠᠢ ᠪᠠᠢ᠌ᠨ᠎ᠠ᠃
      ᠬᠥᠲᠥᠯᠥᠭᠴᠢ᠄
      ᠶᠠᠭ᠋ᠠᠬᠢᠭ᠋ᠠᠳ 《13 · 5》 ᠵᠢᠨ ᠬᠤᠭᠤᠴᠠᠭ᠋ᠠᠨ ᠪᠣᠯ ᠥᠪᠥᠷ ᠮᠣᠩᠭᠣᠯ᠎ᠤᠨ ᠬᠥᠭᠵᠢᠯᠲᠡ ᠵᠢᠨ ᠠᠬᠢᠴᠠ ᠳᠤᠮᠳᠠᠬᠢ ᠪᠡᠯᠭᠡ ᠲᠡᠮᠳᠡᠭ᠎ᠤᠨ ᠠᠴᠢ ᠬᠣᠯᠪᠣᠭᠳᠠᠯ᠎ᠲᠠᠢ ᠬᠤᠭᠤᠴᠠᠭ᠎ᠠ ᠭᠡᠬᠦ ᠪᠤᠢ?
      ᠸᠠᠩ ᠵᠢᠨ ᠪᠤᠤ᠄
      ᠲᠠᠪᠤᠨ ᠵᠢᠯ᠎ᠤᠨ ᠲᠤᠷᠰᠢ᠂ ᠣᠨᠴᠠᠭ᠋ᠠᠶ᠋ᠢᠯᠠᠨ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠠᠵᠤ ᠠᠬᠤᠶ ᠵᠢᠨ ᠨᠠᠷᠢᠨ ᠪᠣᠳᠣᠯᠢᠶᠠᠨᠲᠠᠢ ᠬᠦᠨᠳᠦ ᠬᠡᠴᠡᠭᠦᠦ ᠪᠠᠶ᠋ᠢᠳᠠᠯ ᠪᠣᠯᠣᠨ ᠥᠭᠡᠷᠡᠴᠢᠯᠡᠯᠲᠡ ᠬᠦᠭᠵᠢᠯᠲᠡ ᠵᠢ ᠲᠣᠭᠲᠠᠭᠤᠨ ᠪᠠᠶ᠋ᠢᠯᠭ᠋ᠠᠬᠤ ᠬᠠᠲᠠᠭᠤ   ᠪᠡᠷᠭᠡ ᠡᠭᠦᠷᠭᠡ᠎ᠳᠤ ᠬᠠᠨᠳᠤᠭᠤᠯᠤᠨ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠳᠤ ᠴᠢᠩᠭ᠎ᠠ ᠲᠦᠰᠢᠭᠯᠡᠵᠦ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ ᠪᠣᠯᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠰᠢᠷᠢᠰ ᠴᠢᠬᠤᠯᠠ ᠶᠠᠷᠢᠶ᠎ᠠ ᠪᠣᠯᠤᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ᠎ᠳᠤ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《8337》 ᠬᠥᠭᠵᠢᠯᠲᠡ ᠵᠢᠨ ᠰᠡᠳᠬᠢᠮᠵᠢ ᠪᠣᠯᠣᠨ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ 《ᠲᠠᠪᠤ ᠵᠢ ᠨᠢᠭᠡ ᠴᠤᠭᠴᠠᠵᠢᠭᠤᠯᠬᠤ》 ᠶᠡᠷᠦᠩᠬᠡᠶ ᠪᠠᠢ᠌ᠷᠢᠰᠢᠯᠠᠭᠤᠯᠤᠯᠲᠠ ᠪᠣᠯᠣᠨ 《ᠳᠥᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠢ᠌ᠷᠢᠰᠢᠯᠠᠭᠤᠯᠤᠯᠲᠠ ᠨᠠᠢ᠌ᠳᠠᠪᠤᠷᠢᠵᠢᠭᠤᠯᠬᠤ᠂ ᠡᠬᠡ ᠤᠯᠤᠰ᠎ᠤᠨ ᠤᠮᠠᠷᠠᠲᠤ ᠬᠢᠯᠢ ᠵᠢᠨ ᠥᠩᠭᠡ ᠢᠯᠭ᠋ᠠᠷᠠᠭᠰᠠᠨ ᠦᠵᠡᠮᠵᠢᠲᠦ ᠣᠷᠣᠨ᠎ᠢ ᠴᠣᠭᠴᠠᠯᠠᠬᠤ ᠵᠢᠨ ᠲᠣᠭᠤᠷᠢᠨ᠎ᠳᠤ᠂ ᠰᠠᠬᠢᠨ ᠪᠠᠷᠠᠯᠠᠨ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠪᠦᠬᠦ ᠣᠷᠣᠨ᠎ᠤ ᠠᠵᠤ ᠠᠬᠤᠶ ᠵᠢᠨ ᠶᠡᠷᠦᠩᠬᠡᠶ᠋ᠢᠯᠡᠭᠰᠡᠨ ᠪᠣᠳᠠᠲᠤ ᠬᠦᠴᠦᠨ᠂ ᠠᠵᠤ ᠦᠢ᠍ᠯᠡᠰ᠎ᠤᠨ ᠬᠥᠭᠵᠢᠯᠲᠡ ᠵᠢᠨ ᠲᠡᠰ ᠳᠠᠪᠬᠤᠷᠭ᠎ᠠ᠂ ᠬᠤᠳᠠ ᠬᠥᠳᠡᠭᠡ ᠵᠢᠨ ᠬᠥᠭᠵᠢᠯᠲᠡ ᠵᠢᠨ ᠳᠦᠷᠰᠦ ᠪᠠᠶ᠋ᠢᠳᠠᠯ᠂ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠵᠢᠨ ᠬᠢᠷᠢ ᠬᠡᠮᠵᠢᠶ᠎ᠡ᠂ ᠬᠥᠭᠵᠢᠯᠲᠡ ᠵᠢ ᠪᠠᠲᠤᠯᠠᠬᠤ ᠴᠢᠳᠠᠪᠤᠷᠢ ᠪᠣᠯᠣᠨ ᠠᠷᠠᠳ ᠲᠦᠮᠡᠨ᠎ᠤ ᠠᠮᠢᠳᠤᠷᠠᠯ᠎ᠤᠨ ᠲᠥᠪᠰᠢᠨ᠎ᠢ ᠴᠥᠮ ᠨᠢᠭᠡᠨ ᠶᠡᠬᠡ ᠳᠡᠭᠲᠡᠷ ᠳᠠᠪᠠᠬᠤ ᠵᠢ ᠲᠦᠯᠬᠢᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ᠂ ᠨᠡᠶ᠋ᠢᠭᠡᠮ᠎ᠤᠨ ᠦᠢ᠍ᠯᠡᠰ᠂ ᠡᠶ᠎ᠡ ᠵᠣᠬᠢᠴᠠᠩᠭᠤᠢ ᠥᠪᠥᠷ ᠮᠣᠩᠭᠣᠯ᠎ᠤᠨ ᠪᠦᠳᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠮᠠᠨ᠎ᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠴᠣ᠋ ᠰᠢᠨ᠎ᠡ ᠪᠠᠶ᠋ᠢᠳᠠᠯ᠎ᠢ ᠨᠡᠭᠡᠭᠡᠭᠰᠡᠨ ᠪᠠᠶ᠋ᠢᠨ᠎ᠠ᠃
      ᠬᠥᠲᠥᠯᠥᠭᠴᠢ᠄
     《13· 5》 ᠵᠢᠨ ᠲᠥᠯᠥᠪᠵᠢᠭᠦᠯᠭᠡ ᠵᠢᠨ ᠲᠡᠦᠬᠡᠨ ᠪᠠᠶ᠋ᠢᠷᠢ ᠲᠣᠭᠲᠠᠭ᠋ᠠᠯᠲᠠ ᠵᠢ ᠬᠡᠷᠬᠢᠨ ᠰᠢᠨᠵᠢᠯᠡᠬᠦ ᠤᠬᠠᠭ᠋ᠠᠨᠴᠢ᠎ᠪᠠᠷ ᠡᠵᠡᠮᠰᠢᠬᠦ ᠪᠤᠢ?
      ᠸᠠᠩ ᠵᠢᠨ ᠪᠤᠤ᠄
      ᠨᠢᠭᠡ᠎ᠳᠤ 《ᠬᠣᠣᠰ ᠵᠠᠭᠤᠨ ᠵᠢᠯ》᠎ᠤᠨ ᠠᠤᠭ᠎ᠠ ᠬᠠᠷᠠᠯᠲᠠ ᠵᠢ ᠥᠷᠭᠦᠯᠵᠢᠯᠡᠭᠦᠯᠬᠦ ᠲᠠᠪᠤᠨ ᠵᠢᠯ᠎ᠤᠨ ᠲᠥᠯᠥᠪᠵᠢᠭᠦᠯᠭᠡ ᠪᠣᠯᠣᠨ᠎ᠠ᠃ 《13· 5》 ᠵᠢᠨ ᠲᠥᠯᠥᠪᠵᠢᠭᠦᠯᠭᠡ ᠪᠣᠯ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠡᠶᠡᠯᠡᠭᠦᠯᠵᠦ᠂ ᠮᠠᠨ᠎ᠤ ᠨᠠᠮ᠎ᠤᠨ ᠲᠣᠭᠲᠠᠭ᠋ᠠᠭᠰᠠᠨ 《ᠬᠣᠣᠰ ᠵᠠᠭᠤᠨ ᠵᠢᠯ》᠎ᠤᠨ   ᠲᠡᠮᠡᠴᠡᠬᠦ ᠬᠠᠷᠠᠯᠲᠠ ᠵᠢᠨ ᠳᠣᠲᠣᠷᠠᠬᠢ ᠨᠢᠭᠡᠳᠦᠭᠡᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠵᠢ ᠪᠡᠶᠡᠯᠡᠭᠦᠯᠬᠦ ᠰᠢᠢ᠍ᠳᠪᠦᠷᠢᠲᠦ ᠱᠠᠲᠤᠨ᠎ᠤ ᠲᠠᠪᠤᠨ ᠵᠢᠯ᠎ᠤᠨ ᠲᠥᠯᠥᠪᠵᠢᠭᠦᠯᠭᠡ ᠪᠣᠯᠣᠨ᠎ᠠ᠂ ᠪᠠᠰᠠ ᠴᠤ᠌ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠵᠢᠨ ᠲᠥᠯᠥᠭᠡ ᠰᠠᠢ᠍ᠢ᠍ᠨ ᠰᠠᠶ᠋ᠢᠬᠠᠨ ᠰᠠᠭᠤᠷᠢ ᠲᠠᠯᠪᠢᠬᠤ ᠵᠠᠩᠭᠢᠯᠠᠭ᠎ᠠ ᠵᠢᠨ ᠬᠤᠭᠤᠴᠠᠭ᠋ᠠᠨ᠎ᠤ ᠲᠠᠪᠤᠨ ᠵᠢᠯ᠎ᠤᠨ ᠲᠥᠯᠥᠪᠵᠢᠭᠦᠯᠭᠡ ᠪᠣᠯᠣᠨ᠎ᠠ᠃
      ᠬᠣᠶᠠᠷ᠎ᠲᠤ 《ᠳᠥᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠢ᠌ᠷᠢᠰᠢᠯᠠᠭᠤᠯᠤᠯᠲᠠ ᠵᠢ ᠭᠦᠨᠵᠡᠭᠡᠶ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠲᠠᠪᠤᠨ ᠵᠢᠯ᠎ᠤᠨ ᠲᠥᠯᠥᠪᠵᠢᠭᠦᠯᠭᠡ ᠪᠣᠯᠣᠨ᠎ᠠ᠃ 《13 · 5》 ᠵᠢᠨ ᠲᠥᠯᠥᠪᠵᠢᠭᠦᠯᠭᠡ ᠪᠣᠯ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠡᠶᠡᠯᠡᠭᠦᠯᠬᠦ ᠡᠨᠡ ᠬᠦ᠌   ᠰᠢᠢ᠍ᠳᠪᠦᠷᠢᠯᠡᠭᠴᠢ ᠴᠢᠨᠠᠷᠲᠠᠶ ᠵᠠᠩᠭᠢᠯᠠᠭ᠎ᠠ ᠵᠢᠨ ᠴᠠᠭ ᠳᠡᠭᠡᠷᠡᠬᠢ ᠲᠠᠪᠤᠨ ᠵᠢᠯ᠎ᠤᠨ ᠲᠥᠯᠥᠪᠵᠢᠭᠦᠯᠭᠡ   ᠪᠣᠯᠬᠤ ᠪᠦᠭᠡᠳ ᠮᠦᠨ ᠴᠤ᠌ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠂   ᠣᠷᠣᠨ ᠵᠶ᠋ᠠᠨ ᠪᠦᠬᠦ ᠲᠠᠯ᠎ᠠ᠎ᠪᠠᠷ ᠬᠠᠤᠯᠢ ᠶᠣᠰᠣᠭ᠋ᠠᠷ ᠵᠠᠰᠠᠬᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠬᠤᠶ ᠪᠠᠶ᠋ᠢᠳᠠᠯ᠎ᠤᠨ ᠳᠣᠣᠷ᠎ᠠ ᠨᠠᠢ᠌ᠷᠠᠭᠤᠯᠤᠨ ᠵᠣᠬᠢᠶᠠᠭᠰᠠᠨ ᠠᠩᠬᠠᠳᠠᠭᠴᠢ ᠲᠠᠪᠤᠨ ᠵᠢᠯ᠎ᠤᠨ ᠲᠥᠯᠥᠪᠵᠢᠭᠦᠯᠭᠡ ᠪᠣᠯᠣᠨ᠎ᠠ᠃
      ᠭᠤᠷᠪᠠ᠎ᠳᠤ ᠠᠵᠤ ᠠᠬᠤᠶ ᠵᠢᠨ ᠬᠥᠭᠵᠢᠯᠲᠡ ᠵᠢᠨ ᠰᠢᠨ᠎ᠡ ᠬᠡᠪ ᠪᠠᠶ᠋ᠢᠳᠠᠯ ᠳᠣᠣᠷᠠᠬᠢ ᠠᠩᠬᠠᠳᠠᠭᠴᠢ ᠲᠠᠪᠤᠨ ᠵᠢᠯ᠎ᠤᠨ ᠲᠥᠯᠥᠪᠵᠢᠭᠦᠯᠭᠡ ᠪᠣᠯᠣᠨ᠎ᠠ᠃ 《13 · 5》 ᠵᠢᠨ ᠬᠤᠭᠤᠴᠠᠭ᠋ᠠᠨ᠎ᠳᠤ᠂ ᠮᠠᠨ᠎ᠤ ᠣᠷᠣᠨ᠎ᠤ ᠠᠵᠤ ᠠᠬᠤᠶ ᠵᠢᠨ ᠬᠥᠭᠵᠢᠯᠲᠡ ᠴᠦ᠍ ᠪᠥᠬᠥ ᠤᠯᠤᠰ᠎ᠲᠠᠢ ᠠᠳᠠᠯᠢ᠎ᠪᠠᠷ ᠰᠢᠨ᠎ᠡ ᠬᠡᠪ ᠪᠠᠶ᠋ᠢᠳᠠᠯ᠎ᠳᠤ ᠣᠷᠣᠵᠤ᠂ ᠠᠵᠤ ᠠᠬᠤᠶ ᠵᠢᠨ ᠨᠡᠮᠡᠭᠳᠡᠯ᠎ᠤᠨ ᠬᠤᠷᠳᠤᠴᠠ ᠳᠡᠭᠡᠳᠦ ᠨᠡᠮᠡᠭᠳᠡᠯ᠎ᠠᠴᠠ᠎ᠪᠠᠨ ᠳᠤᠮᠳᠠ ᠳᠡᠭᠡᠳᠦ ᠨᠡᠮᠡᠭᠳᠡᠯ ᠲᠡᠰᠢ ᠰᠢᠯᠵᠢᠵᠦ᠂ ᠬᠥᠭᠵᠢᠯᠲᠡ ᠵᠢᠨ ᠠᠷᠭ᠎ᠠ ᠬᠡᠯᠪᠡᠷᠢ᠎ᠨᠢ ᠬᠡᠪᠴᠢᠶ᠎ᠡ ᠪᠣᠯᠤᠨ ᠬᠤᠷᠳᠤᠴᠠ ᠵᠢᠨ ᠬᠡᠯᠪᠡᠷᠢ ᠵᠢᠨ ᠪᠦᠳᠦᠭᠦᠯᠢᠭ ᠨᠡᠮᠡᠭᠳᠡᠯ᠎ᠠᠴᠠ᠎ᠪᠠᠨ ᠶᠠᠰᠤ ᠴᠢᠨᠠᠷ ᠪᠣᠯᠤᠨ ᠦᠷ᠎ᠡ ᠪᠦᠲᠦᠮᠵᠢ ᠵᠢᠨ ᠬᠡᠯᠪᠡᠷᠢ ᠵᠢᠨ ᠡᠷᠴᠢᠮᠯᠢᠭ ᠨᠡᠮᠡᠭᠳᠡᠯ ᠵᠦᠭ ᠰᠢᠯᠵᠢᠵᠦ᠂ ᠠᠵᠤ ᠠᠬᠤᠶ ᠵᠢᠨ ᠪᠦᠲᠦᠴᠡ᠎ᠨᠢ   ᠬᠡᠮᠵᠢᠶ᠎ᠡ᠎ᠪᠠᠨ ᠨᠡᠮᠡᠭᠳᠡᠭᠦᠯᠵᠦ ᠴᠢᠳᠠᠮᠵᠢ᠎ᠪᠠᠨ ᠥᠷᠭᠡᠳᠬᠡᠬᠦ᠎ᠪᠠᠷ ᠭᠣᠣᠯ ᠪᠣᠯᠭ᠋ᠠᠵᠤ ᠪᠠᠶ᠋ᠢᠭᠰᠠᠨ᠎ᠠᠴᠠ᠎ᠪᠠᠨ ᠬᠠᠳᠠᠭ᠋ᠠᠯᠠᠮᠵᠢ᠎ᠪᠠᠨ ᠲᠣᠬᠢᠷᠠᠭᠤᠯᠬᠤ᠂ ᠰᠢᠯᠢᠳᠡᠭᠵᠢᠭᠦᠯᠦᠨ ᠬᠡᠮᠵᠢᠶ᠎ᠡ᠎ᠪᠠᠨ ᠨᠡᠮᠡᠭᠳᠡᠭᠦᠯᠬᠦ ᠵᠢ ᠴᠤᠭ᠎ᠲᠤᠨᠢ ᠠᠳᠬᠤᠬᠤ ᠵᠦᠭ ᠬᠣᠪᠢᠷᠠᠭᠤᠯᠵᠤ᠂ ᠬᠥᠭᠵᠢᠯᠲᠡ ᠵᠢᠨ ᠬᠥᠳᠡᠯᠭᠡᠬᠦ ᠬᠦᠴᠦᠨ᠎ᠢ ᠭᠣᠣᠯᠳᠠᠭᠤ ᠡᠬᠢ ᠪᠠᠶᠠᠯᠢᠭ ᠪᠣᠯᠣᠨ ᠳᠣᠣᠷ᠎ᠠ ᠥᠪᠡᠷ᠎ᠤᠨ ᠥᠷᠲᠡᠭᠲᠦ ᠬᠥᠳᠡᠯᠮᠦᠷᠢ ᠵᠢᠨ ᠬᠦᠴᠦᠨ ᠵᠡᠷᠭᠡ ᠴᠢᠬᠤᠯᠠ ᠡᠯᠧᠮᠧᠨ᠋ᠲ᠎ᠤᠨ ᠣᠷᠣᠭᠤᠯᠤᠯᠲᠠ᠎ᠳᠤ ᠲᠦᠰᠢᠭᠯᠡᠬᠦ᠎ᠠᠴᠠ᠎ᠪᠠᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠵᠦᠭ   ᠬᠣᠪᠢᠷᠠᠭᠤᠯᠤᠨ᠎ᠠ᠂ ᠪᠢᠳᠡ ᠰᠢᠨ᠎ᠡ ᠬᠡᠪ ᠪᠠᠶ᠋ᠢᠳᠠᠯ ᠳᠣᠣᠷᠠᠬᠢ ᠬᠥᠭᠵᠢᠯᠲᠡ ᠵᠢᠨ ᠶᠡᠬᠡ ᠬᠠᠨᠳᠤᠰᠢ ᠵᠢ ᠡᠷᠬᠡᠪᠰᠢ ᠭᠦᠨᠵᠡᠭᠡᠶ ᠲᠠᠨᠢᠵᠤ᠂ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠨ᠂ ᠢᠳᠡᠪᠬᠢᠲᠡᠶ᠎ᠪᠠᠷ ᠬᠥᠲᠥᠯᠥᠨ ᠵᠢᠯᠣᠭᠣᠳᠴᠤ᠂   ᠥᠪᠥᠷ ᠮᠣᠩᠭᠣᠯ᠎ᠤᠨ ᠣᠨᠴᠠᠯᠢᠭ ᠪᠦᠬᠦᠢ ᠰᠢᠨ᠎ᠡ ᠬᠡᠪ ᠪᠠᠶ᠋ᠢᠳᠠᠯ᠎ᠤᠨ ᠬᠥᠭᠵᠢᠯᠲᠡ ᠵᠢᠨ ᠵᠠᠮ ᠵᠶ᠋ᠠᠷ ᠵᠠᠮᠨᠠᠬᠤ

ᠬᠡᠷᠡᠭᠲᠡᠶ᠃
      ᠬᠥᠲᠥᠯᠥᠭᠴᠢ᠄
     《13 · 5》 ᠵᠢᠨ ᠬᠤᠭᠤᠴᠠᠭ᠋ᠠᠨ᠎ᠳᠤ᠂ ᠮᠠᠨ᠎ᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠎ᠳᠤ ᠶᠠᠮᠠᠷ ᠶᠠᠮᠠᠷ ᠠᠵᠠ ᠲᠣᠬᠢᠶᠠᠯ ᠪᠣᠯᠣᠨ ᠥᠷᠢᠰᠥᠯᠳᠦᠭᠡᠨ ᠣᠷᠣᠰᠢᠵᠤ ᠪᠠᠢ᠌ᠭ᠎ᠠ ᠪᠤᠢ?
      ᠸᠠᠩ ᠵᠢᠨ ᠪᠤᠤ᠄
      ᠠᠵᠠ ᠲᠣᠬᠢᠶᠠᠯ ᠲᠠᠯ᠎ᠠ᠎ᠪᠠᠷ᠄ 《13 · 5》 ᠵᠢᠨ ᠬᠤᠭᠤᠴᠠᠭ᠋ᠠᠨ᠎ᠳᠤ᠂ ᠤᠯᠠᠨ ᠤᠯᠤᠰ᠎ᠤᠨ ᠣᠷᠴᠢᠨ ᠲᠣᠭᠤᠷᠢᠨ ᠨᠠᠷᠢᠨ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ᠂ ᠳᠡᠯᠡᠬᠡᠶ ᠵᠢᠨ ᠠᠵᠤ ᠠᠬᠤᠶ ᠭᠦᠨᠵᠡᠭᠡᠶ ᠳᠤᠬᠢᠷᠠᠭᠤᠯᠤᠯᠲᠠ ᠵᠢᠨ ᠳᠤᠮᠳᠠ ᠰᠡᠷᠭᠦᠵᠦ᠂ ᠮᠠᠨ᠎ᠤ ᠤᠯᠤᠰ᠎ᠤᠨ ᠠᠵᠤ ᠠᠬᠤᠶ ᠵᠢᠨ ᠬᠥᠭᠵᠢᠯᠲᠡ ᠰᠢᠨ᠎ᠡ ᠬᠡᠪ ᠪᠠᠶ᠋ᠢᠳᠠᠯ᠎ᠳᠤ ᠣᠷᠣᠵᠤ᠂ ᠠᠵᠤ ᠦᠢ᠍ᠯᠡᠰ᠎ᠤᠨ ᠪᠦᠲᠦᠴᠡ ᠳᠤᠮᠳᠠ ᠳᠡᠭᠡᠳᠦ ᠳᠠᠪᠬᠤᠷᠭ᠎ᠠ ᠵᠦᠭ   ᠲᠥᠷᠭᠡᠨ ᠬᠦᠭᠵᠢᠵᠦ᠂ 《ᠳᠤᠮᠳᠠᠳᠤ ᠤᠯᠤᠰ ᠦᠢ᠍ᠯᠡᠳᠬᠦᠢ 2025》᠂ 《ᠢᠨᠲᠸᠷ ᠰᠦᠯᠵᠢᠶ᠎ᠡ +》 ᠠᠵᠢᠯᠯᠠᠭ᠋ᠠᠨ᠎ᠤ ᠲᠥᠯᠥᠪᠯᠡᠭᠡ ᠵᠢ ᠭᠦᠨᠵᠡᠭᠡᠶ ᠬᠡᠷᠡᠭᠵᠢᠭᠦᠯᠵᠦ᠂ ᠡᠨᠧᠷᠭᠢ ᠵᠢᠨ ᠦᠢ᠍ᠯᠡᠳᠪᠦᠷᠢᠯᠡᠯ ᠪᠣᠯᠣᠨ ᠬᠡᠷᠡᠭᠯᠡᠭᠡᠨ᠎ᠤ ᠬᠤᠪᠢᠰᠬᠠᠯ ᠭᠦᠨᠵᠡᠭᠡᠢ᠌ᠷᠡᠨ ᠠᠬᠢᠵᠤ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠪᠦᠲᠦᠴᠡ ᠮᠠᠰᠢ ᠲᠦᠷᠭᠡᠨ ᠵᠶ᠋ᠠᠷ ᠲᠡᠰ ᠲᠠᠪᠰᠢᠵᠥ᠂ ᠬᠠᠩᠭ᠋ᠠᠯᠭ᠎ᠠ ᠵᠢᠨ ᠲᠠᠯ᠎ᠠ ᠵᠢᠨ ᠥᠭᠡᠷᠡᠴᠢᠯᠡᠯᠲᠡ ᠠᠯᠬᠤᠮ ᠠᠯᠬᠤᠮ ᠵᠶ᠋ᠠᠷ ᠬᠦᠴᠦᠨ ᠵᠶ᠋ᠡᠨ ᠢᠯᠡᠷᠡᠭᠦᠯᠵᠦ᠂ 《ᠳᠤᠮᠳᠠᠳᠤ ᠮᠣᠩᠭᠣᠯ ᠣᠷᠣᠰ᠎ᠤᠨ ᠠᠵᠤ ᠠᠬᠤᠶ ᠵᠢᠨ ᠬᠣᠩᠭᠢᠯ》᠎ᠤᠨ ᠪᠦᠲᠦᠭᠡᠨ ᠪᠠᠶ᠋ᠢᠭᠤᠯᠤᠯᠲᠠ ᠲᠦᠷᠬᠡᠨ ᠠᠬᠢᠭᠳᠠᠵᠠᠢ᠂ ᠮᠠᠨ᠎ᠤ ᠣᠷᠣᠨ᠎ᠳᠤ ᠲᠤᠯᠭ᠋ᠠᠷᠠᠵᠤ ᠪᠠᠶ᠋ᠢᠭ᠎ᠠ ᠴᠢᠬᠤᠯᠠ ᠠᠵᠠ ᠲᠣᠬᠢᠶᠠᠯ᠎ᠨᠢ ᠭᠣᠣᠯᠳᠠᠭᠤ᠄ ᠨᠢᠭᠡ ᠪᠣᠯ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠲᠥᠷᠭᠡᠳᠬᠡᠵᠦ᠂ ᠬᠥᠭᠵᠢᠯᠲᠡ ᠵᠢᠨ ᠶᠠᠰᠤ ᠴᠢᠨᠠᠷ ᠪᠣᠯᠣᠨ ᠦᠷ᠎ᠡ ᠠᠰᠢᠭ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠴᠢᠬᠤᠯᠠ ᠶᠡᠬᠡ ᠴᠠᠭ ᠲᠣᠬᠢᠶᠠᠯ ᠪᠣᠯᠣᠨ᠎ᠠ; ᠬᠣᠶᠠᠷ ᠪᠣᠯ ᠲᠡᠷᠢᠭᠦᠨ᠎ᠤ ᠮᠡᠷᠭᠡᠵᠢᠯ ᠵᠶ᠋ᠠᠷ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠳᠡᠭᠡᠭᠰᠢᠯᠡᠭᠦᠯᠵᠦ᠂ ᠳᠠᠪᠠᠭᠤᠯᠢᠭ ᠣᠨᠴᠠᠯᠢᠭ ᠪᠦᠬᠦᠢ ᠠᠵᠤ ᠦᠢ᠍ᠯᠡᠰ᠎ᠢ ᠲᠦᠷᠭᠡᠨ ᠬᠥᠭᠵᠢᠭᠦᠯᠵᠦ᠂ ᠭᠠᠵᠠᠷ ᠣᠷᠣᠨ᠎ᠤ ᠠᠵᠤ ᠠᠬᠤᠶ ᠵᠢᠨ ᠬᠥᠭᠵᠢᠯᠲᠡ ᠵᠢᠨ ᠰᠢᠨ᠎ᠡ ᠳᠠᠪᠠᠭᠤᠯᠢᠭ᠎ᠢ ᠳᠠᠬᠢᠨ ᠪᠦᠲᠦᠭᠡᠬᠦ ᠴᠢᠬᠤᠯᠠ ᠶᠡᠬᠡ ᠴᠠᠭ ᠲᠣᠬᠢᠶᠠᠯ ᠪᠣᠯᠣᠨ᠎ᠠ; ᠭᠤᠷᠪᠠ ᠪᠣᠯ ᠳᠣᠲᠣᠭ᠋ᠠᠳᠤ ᠭᠠᠳᠠᠭ᠋ᠠᠳᠤ᠎ᠳᠤ ᠨᠡᠭᠡᠭᠡᠯᠲᠡ ᠬᠢᠬᠦ ᠵᠢ ᠪᠦᠬᠦ ᠲᠠᠯ᠎ᠠ᠎ᠪᠠᠷ ᠥᠷᠭᠡᠳᠬᠡᠬᠦ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠵᠤ ᠦᠢ᠍ᠯᠡᠰ᠎ᠤᠨ ᠬᠡᠯᠬᠢᠶ᠎ᠡ ᠦᠷᠲᠡᠭ᠎ᠤᠨ ᠬᠡᠯᠬᠢᠶ᠎ᠡ᠎ᠲᠠᠢ ᠭᠦᠨᠵᠡᠭᠡᠢ ᠠᠭᠤᠰᠤᠯᠴᠠᠬᠤ ᠴᠢᠬᠤᠯᠠ ᠶᠡᠬᠡ ᠴᠠᠭ ᠲᠣᠬᠢᠶᠠᠯ ᠪᠣᠯᠣᠨ᠎ᠠ; ᠲᠦᠷᠪᠡ ᠪᠣᠯ ᠳᠤᠮᠳᠠ ᠪᠠᠷᠠᠭᠤᠨ ᠣᠷᠣᠨ᠎ᠤ ᠵᠣᠬᠢᠬᠤ ᠣᠷᠣᠨ ᠵᠠᠢ ᠵᠢ ᠠᠭᠤᠳᠠᠯᠵᠤ᠂ ᠬᠦᠭᠵᠢᠭᠡᠳᠦᠢ ᠭᠠᠵᠠᠷ ᠣᠷᠣᠨ᠎ᠤ ᠳᠣᠲᠣᠭ᠋ᠠᠳᠤ ᠬᠡᠷᠡᠭᠴᠡᠭᠡ ᠵᠢᠨ ᠳᠠᠯᠳᠠ ᠬᠦᠴᠦᠨ᠎ᠢ   ᠣᠷᠬᠢᠯᠤᠭᠤᠯᠵᠤ᠂ ᠠᠵᠤ ᠠᠬᠤᠶ ᠵᠢᠨ ᠨᠡᠮᠡᠭᠳᠡᠯ᠎ᠤᠨ ᠰᠢᠨ᠎ᠡ ᠬᠦᠳᠡᠯᠭᠡᠭᠦᠷ᠎ᠢ ᠴᠣᠭᠴᠠᠯᠠᠨ᠂ ᠪᠦᠬᠦ ᠤᠯᠤᠰ᠎ᠤᠨ ᠬᠥᠭᠵᠢᠯᠲᠡ᠎ᠯᠤᠭ᠎ᠠ ᠵᠢᠨ ᠵᠥᠷᠢᠶ᠎ᠡ ᠵᠢ ᠪᠠᠭ᠋ᠠᠰᠬᠠᠬᠤ ᠴᠢᠬᠤᠯᠠ ᠶᠡᠬᠡ ᠠᠵᠠ ᠲᠣᠬᠢᠶᠠᠯ ᠪᠣᠯᠬᠤ ᠶᠤᠮ᠃
      ᠥᠷᠢᠰᠥᠯᠳᠦᠭᠡᠨ᠎ᠤ ᠲᠠᠯ᠎ᠠ᠎ᠪᠠᠷ᠄ ᠮᠠᠨ᠎ᠤ ᠣᠷᠣᠨ᠎ᠤ ᠬᠥᠭᠵᠢᠯᠲᠡ᠎ᠨᠢ ᠮᠥᠨ ᠯᠡ ᠮᠠᠰᠢ ᠤᠯᠠᠨ ᠵᠥᠷᠢᠴᠡᠯ ᠰᠤᠯᠪᠢᠴᠠᠭᠰᠠᠨ ᠬᠠᠲᠠᠭᠤ ᠴᠢᠩᠭ᠎ᠠ ᠥᠷᠢᠰᠥᠯᠳᠦᠭᠡᠨ᠎ᠳᠤ ᠲᠤᠯᠭ᠋ᠠᠷᠠᠵᠤ ᠪᠤᠢ᠂ ᠡᠭᠦᠨ᠎ᠤ ᠭᠣᠣᠯ ᠢᠯᠡᠷᠡᠯ᠎ᠨᠢ᠄ ᠨᠢᠭᠡ᠎ᠳᠤ ᠠᠵᠤ ᠦᠢ᠍ᠯᠡᠰ᠎ᠤᠨ ᠪᠦᠲᠦᠴᠡ ᠳᠠᠩ ᠴᠤᠯᠭᠤᠶ᠂ ᠬᠦᠨᠳᠦ ᠬᠡᠯᠪᠡᠷᠢ ᠵᠢᠨ ᠣᠨᠴᠠᠯᠢᠭ ᠵᠶ᠋ᠠᠷ ᠢᠯᠡᠷᠬᠡᠶ᠂ ᠨᠡᠭᠦᠷᠡᠰᠦ ᠵᠡᠷᠭᠡ ᠡᠬᠢ ᠪᠠᠶᠠᠯᠢᠭ᠎ᠤᠨ ᠬᠡᠯᠪᠡᠷᠢ ᠪᠥᠬᠥᠢ ᠠᠵᠤ ᠦᠢ᠍ᠯᠡᠰ᠎ᠤᠨ ᠬᠤᠪᠢ ᠵᠢᠨ ᠵᠢᠩ᠎ᠨᠢ ᠭᠡᠳᠦ ᠬᠦᠨᠳᠦ᠂ ᠡᠬᠢ ᠪᠠᠶᠠᠯᠢᠭ᠎ᠤᠨ ᠪᠤᠰᠤ ᠬᠡᠯᠪᠡᠷᠢ ᠵᠢᠨ ᠠᠵᠤ ᠦᠢ᠍ᠯᠡᠰ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠂ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠭᠦᠢ᠍ᠴᠡᠳ ᠪᠤᠰᠤ ᠪᠠᠢ᠌ᠨ᠎ᠠ; ᠬᠣᠶᠠᠷ᠎ᠲᠤ᠂ ᠠᠵᠤ ᠠᠬᠤᠶ ᠵᠢᠨ ᠨᠡᠮᠡᠭᠳᠡᠯ᠎ᠤᠨ ᠬᠥᠳᠡᠯᠭᠡᠭᠴᠢ ᠬᠦᠴᠦᠨ ᠲᠡᠩᠴᠡᠭᠦᠷᠢ ᠦᠬᠡᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠬᠤ ᠴᠢᠳᠠᠪᠤᠷᠢ ᠰᠤᠯᠠᠪᠲᠤᠷ᠂ ᠪᠦᠲᠦᠮᠵᠢᠲᠡᠶ ᠬᠡᠷᠡᠭᠴᠡᠭᠡ ᠪᠣᠯᠣᠨ ᠪᠦᠲᠦᠮᠵᠢᠲᠡᠶ ᠬᠠᠩᠭ᠋ᠠᠯᠭ᠎ᠠ ᠬᠦᠷᠦᠯᠴᠡᠬᠦ ᠦᠭᠡᠢ ᠶᠠᠪᠤᠳᠠᠯ ᠵᠡᠷᠭᠡᠴᠡᠨ ᠣᠷᠣᠰᠢᠵᠤ᠂ ᠬᠥᠳᠡᠯᠮᠦᠷᠢ ᠵᠢᠨ ᠬᠦᠴᠦ᠂ ᠪᠡᠯᠡ ᠮᠥᠩᠭᠥ ᠵᠡᠷᠭᠡ ᠦᠢ᠍ᠯᠡᠳᠪᠦᠷᠢᠯᠡᠯ᠎ᠤᠨ ᠡᠯᠧᠮᠧᠨ᠋ᠲ᠎ᠤᠨ ᠬᠠᠩᠭ᠋ᠠᠯᠭ᠎ᠠ ᠬᠡᠷᠡᠭᠴᠡᠭᠡ ᠵᠢᠨ ᠬᠠᠷᠢᠴᠠᠭ᠎ᠠ ᠪᠠᠴᠢᠮ ᠪᠣᠯᠬᠤ ᠬᠠᠨᠳᠤᠰᠢ᠎ᠲᠠᠢ ᠪᠠᠢ᠌ᠨ᠎ᠠ; ᠭᠤᠷᠪᠠ᠎ᠳᠤ ᠠᠮᠢ ᠠᠬᠤᠶ ᠵᠢᠨ ᠣᠷᠴᠢᠨ ᠲᠣᠭᠤᠷᠢᠨ ᠪᠠᠰᠠ ᠳᠣᠷᠣᠢ ᠪᠠᠭᠤᠷᠠᠶ ᠪᠠᠶ᠋ᠢᠨ᠎ᠠ; ᠲᠦᠷᠪᠡ᠎ᠳᠤ ᠠᠵᠤ ᠠᠬᠤᠶ ᠵᠢᠨ ᠠᠵᠢᠯᠯᠠᠭ᠋ᠠᠨ᠎ᠳᠤ ᠬᠤᠷᠠᠮᠳᠤᠭᠤᠯᠤᠭᠰᠠᠨ ᠳᠠᠯᠳᠠ ᠠᠶᠤᠯ ᠲᠦᠭᠰᠢᠭᠦᠷᠢ ᠠᠷᠪᠢᠨ ᠪᠣᠯᠵᠤ᠂ ᠬᠡᠰᠡᠭ ᠠᠵᠢᠯ ᠲᠦᠷᠦᠯ᠎ᠤᠨ ᠦᠢ᠍ᠯᠡᠳᠪᠦᠷᠢᠯᠡᠬᠦ ᠴᠢᠳᠠᠪᠤᠷᠢ᠎ᠨᠢ ᠦᠯᠡᠭᠦᠳᠡᠵᠦ᠂ ᠴᠥᠭᠡᠨ ᠪᠤᠰᠤ ᠠᠵᠤ ᠠᠬᠤᠶ᠋ᠢᠯᠠᠯ᠎ᠤᠨ ᠡᠵᠡᠩᠨᠡᠯᠲᠡ᠎ᠨᠢ ᠬᠦᠴᠢᠷᠲᠡᠶ ᠪᠤᠯᠵᠦ᠂ ᠵᠠᠷᠢᠮ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠭᠴᠡᠭᠡᠨ᠎ᠤ ᠳᠠᠷᠤᠭ᠋ᠠᠰᠤ ᠬᠦᠨᠳᠦᠷᠡᠵᠦ ᠪᠠᠶ᠋ᠢᠨ᠎ᠠ᠃
      ᠸᠠᠩ ᠵᠢᠨ ᠪᠤᠤ᠄
     (ᠨᠢᠭᠡ) ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠦᠷᠲᠡᠭ᠎ᠤᠨ ᠨᠡᠮᠡᠭᠳᠡᠬᠦ ᠬᠤᠷᠳᠤᠴᠠ ᠵᠢᠨ ᠲᠣᠬᠠᠢ
      ᠲᠥᠪ᠎ᠤᠨ 《13 · 5》 ᠵᠢᠨ ᠲᠥᠯᠥᠪᠵᠢᠭᠦᠯᠭᠡ ᠵᠢᠨ 《ᠰᠠᠨᠠᠭᠤᠯᠭ᠎ᠠ》᠎ᠳᠤ ᠲᠣᠭᠲᠠᠭ᠋ᠠᠭᠰᠠᠨ 《13 · 5》 ᠵᠢᠨ ᠬᠤᠭᠤᠴᠠᠭ᠋ᠠᠨ᠎ᠳᠤ ᠪᠦᠭᠦ ᠤᠯᠤᠰ᠎ᠤᠨ ᠠᠵᠤ ᠠᠬᠤᠶ ᠳᠤᠮᠳᠠ ᠳᠡᠭᠡᠳᠦ ᠬᠤᠷᠳᠤᠴᠠ᠎ᠪᠠᠷ ᠨᠡᠮᠡᠭᠳᠡᠬᠦ ᠵᠢ ᠪᠠᠲᠤᠯᠠᠵᠤ᠂ 2020 ᠣᠨ ᠪᠣᠯᠬᠤ᠎ᠳᠤ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ   ᠶᠡᠷᠦᠩᠭᠡᠢ ᠦᠷᠲᠡᠭ᠎ᠢ 2010 ᠣᠨ᠎ᠤ᠎ᠬᠢ᠎ᠠᠴᠠ ᠬᠣᠶᠠᠷ ᠳᠠᠬᠢᠨ ᠨᠡᠮᠡᠭᠳᠡᠭᠦᠯᠵᠦ᠂ ᠵᠢᠱ᠌ᠢᠯᠲᠠ᠎ᠪᠠᠷ ᠤᠯᠤᠰ ᠬᠡᠷᠪᠡ ᠬᠣᠪᠢ ᠳᠠᠬᠢᠨ᠎ᠪᠠᠷ ᠨᠡᠮᠡᠭᠳᠡᠬᠦ ᠵᠢ ᠪᠡᠶᠡᠯᠡᠭᠦᠯᠦᠶ᠎ᠡ ᠭᠡᠪᠡᠯ 《13 · 5》 ᠵᠢᠨ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠭᠡᠢ ᠦᠷᠲᠡᠭ᠎ᠤᠨ ᠨᠡᠮᠡᠭᠳᠡᠯ᠎ᠢ ᠨᠠᠭ᠋ᠠᠳᠤ ᠵᠠᠬ᠎ᠠ᠎ᠳᠠᠭᠠᠨ 6.5% ᠪᠠᠢ᠌ᠯᠭ᠋ᠠᠵᠤ᠂ ᠮᠠᠨ᠎ᠤ ᠣᠷᠣᠨ ᠬᠣᠶᠠᠷ ᠳᠠᠬᠢᠨ᠎ᠪᠠᠷ ᠨᠡᠮᠡᠭᠳᠡᠬᠦ ᠵᠢ ᠪᠡᠶᠡᠯᠡᠭᠦᠯᠬᠦ᠎ᠳᠤ 《13 · 5》 ᠵᠢᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠭᠡᠢ ᠦᠷᠳᠡᠭ᠎ᠢ ᠵᠢᠯ ᠪᠦᠷᠢ ᠳᠤᠮᠳᠠᠴᠢ᠎ᠪᠠᠷ 4.4% ᠣᠷᠴᠢᠮ ᠨᠡᠮᠡᠭᠳᠡᠭᠦᠯᠬᠦ ᠴᠢᠬᠤᠯᠠᠲᠠᠢ᠃ ᠥᠪᠡᠷᠲᠡᠭᠡᠨ ᠵᠠᠰᠠᠬᠤ ᠣᠷᠣᠨ᠎ᠤ 《  ᠬᠦᠲᠦᠯᠪᠦᠷᠢ》᠎ᠳᠤ ᠳᠤᠷᠠᠳᠤᠭᠰᠠᠨ᠎ᠨᠢ᠂ ᠬᠣᠶ᠋ᠢᠰᠢᠳᠠ ᠵᠢᠨ ᠲᠠᠪᠤᠨ ᠵᠢᠯ᠎ᠳᠤ ᠮᠠᠨ᠎ᠤ ᠣᠷᠣᠨ᠎ᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠭᠡᠢ ᠦᠷᠳᠡᠭ ᠵᠢᠯ ᠪᠦᠷᠢ ᠳᠤᠮᠳᠠᠴᠢ᠎ᠪᠠᠷ 7.5% ᠣᠷᠴᠢᠮ ᠨᠡᠮᠡᠭᠳᠡᠵᠦ᠂ 2020 ᠣᠨ ᠪᠣᠯᠬᠤ᠎ᠳᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠦᠷᠳᠡᠭ᠎ᠨᠢ 2.6 ᠲᠦᠮᠡᠨ ᠳ᠋ᠦᠩᠰᠢᠭᠤᠷ ᠲᠥᠭᠥᠷᠢᠭ ᠣᠷᠴᠢᠮ᠎ᠲᠤ ᠬᠦᠷᠦᠨ᠎ᠡ᠃ ᠡᠭᠦᠨ᠎ᠤ ᠭᠣᠣᠯ ᠰᠢᠯᠲᠠᠭ᠋ᠠᠨ ᠪᠣᠯ᠄ ᠨᠢᠭᠡ᠎ᠳᠤ᠂ ᠬᠡᠷᠡᠭᠴᠡᠭᠡ ᠵᠢ ᠪᠣᠳᠣᠯᠬᠢᠯᠠᠭᠰᠠᠨ ᠶᠤᠮ᠃ ᠮᠠᠨ᠎ᠤ ᠣᠷᠣᠨ᠎ᠤ ᠬᠥᠭᠵᠢᠯᠲᠡ ᠲᠡᠩᠴᠡᠭᠦᠷᠢ ᠦᠭᠡᠢ᠂ ᠰᠠᠭᠤᠷᠢ ᠪᠡᠯᠡᠳᠬᠡᠮᠵᠢ᠂ ᠠᠵᠤ ᠦᠢ᠍ᠯᠡᠰ᠎ᠤᠨ ᠬᠥᠭᠵᠢᠯᠲᠡ᠂ ᠠᠷᠠᠳ᠎ᠤᠨ ᠠᠮᠢᠳᠤᠷᠠᠯ᠎ᠤᠨ ᠬᠦᠷᠢᠶ᠎ᠡ ᠬᠡᠪᠴᠢᠶ᠎ᠡ ᠵᠡᠷᠭᠡ ᠲᠠᠯ᠎ᠠ᠎ᠪᠠᠷ ᠤᠯᠤᠰ᠎ᠤᠨ ᠳᠣᠲᠣᠭ᠋ᠠᠳᠤ ᠵᠢᠨ ᠬᠥᠭᠵᠢᠭᠰᠡᠨ ᠭᠠᠵᠠᠷ ᠣᠷᠣᠨ᠎ᠲᠠᠢ ᠬᠠᠷᠢᠴᠠᠭᠤᠯᠪᠠᠯ ᠪᠠᠰᠠ ᠨᠡᠯᠢᠶᠡᠳ ᠲᠤᠲᠠᠮᠠᠭ ᠪᠠᠢ᠌ᠵᠤ᠂ ᠲᠤᠲᠠᠭᠤ ᠲᠠᠯ᠎ᠠ᠎ᠪᠠᠨ ᠨᠥᠬᠥᠪᠦᠷᠢᠯᠡᠬᠦ ᠵᠢᠨ ᠲᠥᠯᠥᠭᠡ᠂ ᠥᠷᠭᠦᠯᠵᠢᠯᠡᠨ ᠪᠦᠬᠦ ᠤᠯᠤᠰ᠎ᠤᠨ ᠳᠤᠮᠳᠠᠴᠢ ᠨᠡᠮᠡᠭᠳᠡᠯ᠎ᠤᠨ ᠬᠤᠷᠳᠤᠴᠠ᠎ᠠᠴᠠ ᠲᠦᠷᠭᠡᠨ ᠨᠡᠮᠡᠭᠳᠡᠯ᠎ᠤᠨ ᠬᠤᠷᠳᠤᠴᠠ᠎ᠲᠠᠢ ᠪᠠᠶ᠋ᠢᠯᠭ᠋ᠠᠬᠤ ᠬᠡᠷᠡᠭᠲᠡᠶ ᠶᠤᠮ; ᠬᠣᠶᠠᠷ᠎ᠲᠤ ᠪᠣᠯᠤᠮᠵᠢ ᠵᠢ ᠪᠣᠳᠣᠯᠬᠢᠯᠠᠭᠰᠠᠨ ᠶᠤᠮ᠃ ᠤᠯᠠᠨ ᠵᠢᠯ᠎ᠤᠨ ᠬᠤᠷᠠᠮᠳᠤᠭᠤᠯᠤᠯ ᠵᠶ᠋ᠠᠷ᠂ ᠮᠠᠨ᠎ᠤ ᠣᠷᠣᠨ ᠬᠥᠭᠵᠢᠯᠲᠡ ᠵᠢᠨ ᠵᠣᠬᠢᠬᠤ ᠰᠠᠭᠤᠷᠢ᠎ᠲᠠᠢ ᠪᠣᠯᠵᠤ᠂ ᠢᠯᠠᠩᠭᠤᠶ᠎ᠠ ᠤᠢ᠍ᠢ᠍ᠷ᠎ᠠ ᠵᠢᠨ ᠵᠢᠯ᠎ᠤᠳ᠎ᠲᠤ ᠪᠦᠲᠦᠮᠵᠢᠲᠡᠶ ᠣᠷᠣᠭᠤᠯᠤᠯᠲᠠ᠎ᠪᠠᠨ ᠦᠷᠭᠦᠯᠵᠢᠯᠡᠨ ᠨᠡᠮᠡᠭᠳᠡᠭᠦᠯᠦᠨ᠂   ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠲᠦᠯᠬᠢᠨ ᠠᠬᠢᠭᠤᠯᠵᠤ᠂ 《ᠲᠠᠪᠤᠨ ᠶᠡᠬᠡ ᠰᠠᠭᠤᠷᠢᠨ ᠭᠠᠵᠠᠷ》 ᠠᠩᠬ᠎ᠠ ᠠᠯᠬᠤᠮ ᠲᠥᠯᠥᠪᠰᠢᠷᠡᠵᠦ᠂ ᠨᠢᠭᠡ ᠪᠦᠯᠦᠭ ᠵᠠᠮ ᠬᠠᠷᠢᠯᠴᠠᠭ᠎ᠠ᠂ ᠴᠠᠬᠢᠯᠭ᠋ᠠᠨ ᠬᠦᠴᠦᠨ᠎ᠤ ᠰᠠᠭᠤᠷᠢ ᠪᠡᠯᠡᠳᠬᠡᠮᠵᠢ ᠪᠣᠯᠤᠨ ᠰᠢᠨ᠎ᠡ ᠬᠡᠯᠪᠡᠷᠢ ᠵᠢᠨ ᠬᠢᠮᠢ ᠵᠢᠨ ᠠᠵᠤ ᠦᠢ᠍ᠯᠡᠳᠪᠦᠷᠢ ᠵᠡᠷᠭᠡ ᠴᠢᠬᠤᠯᠠ ᠶᠡᠬᠡ ᠲᠥᠷᠥᠯ ᠵᠦᠢ᠍ᠯ᠎ᠤᠳ ᠶᠠᠭ ᠵᠠᠯᠭ᠋ᠠᠭ᠎ᠠ᠎ᠪᠠᠷ ᠠᠵᠢᠯ ᠵᠶ᠋ᠡᠨ ᠡᠬᠢᠯᠡᠭᠦᠯᠦᠨ ᠪᠥᠳᠥᠭᠡᠨ ᠪᠠᠢ᠌ᠭᠤᠯᠤᠭᠳᠠᠵᠤ ᠪᠤᠢ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠪᠠᠶ᠋ᠢᠯᠳᠤᠬᠤ ᠪᠤᠳᠤᠯᠭ᠎ᠠ ᠵᠢ ᠭᠦᠨᠵᠡᠭᠡᠶ᠋ᠢᠷᠡᠭᠦᠯᠦᠨ ᠬᠡᠷᠡᠭᠵᠢᠭᠦᠯᠬᠦ ᠪᠠ ᠥᠭᠡᠷᠡᠴᠢᠯᠡᠯᠲᠡ ᠨᠠᠭᠡᠭᠡᠯᠲᠠ ᠵᠢ ᠲᠠᠰᠣᠷᠠᠯᠲᠠ ᠣᠢ᠍ᠭᠡᠢ   ᠭᠦᠨᠵᠡᠭᠡᠢ᠌ᠷᠡᠭᠦᠯᠬᠦ ᠵᠢ ᠳᠠᠭ᠋ᠠᠯᠳᠤᠨ᠂ ᠰᠢᠨ᠎ᠡ ᠠᠵᠤ ᠦᠢ᠍ᠯᠡᠰ᠂ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ ᠶᠡᠬᠡ ᠬᠡᠮᠵᠢᠶ᠎ᠡ᠎ᠪᠠᠷ ᠴᠣᠯᠭᠣᠷᠠᠨ ᠭᠠᠷᠴᠤ᠂ ᠴᠢᠷᠮᠠᠶ᠋ᠢᠯᠭ᠎ᠠ᠎ᠪᠠᠷ ᠳᠠᠮᠵᠢᠭ᠋ᠠᠳ᠂ 7.5% ᠣᠷᠴᠢᠮ᠎ᠤᠨ ᠨᠡᠮᠡᠭᠳᠡᠯ᠎ᠤᠨ ᠬᠤᠷᠳᠤᠴᠠ ᠵᠢ ᠪᠠᠲᠤᠯᠠᠬᠤ᠎ᠨᠢ ᠪᠡᠶᠡᠯᠡᠭᠳᠡᠬᠦ ᠪᠣᠯᠣᠮᠵᠢ᠎ᠲᠠᠢ᠃
     (ᠬᠣᠶᠠᠷ) ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠤᠨ ᠬᠤᠷᠳᠤᠴᠠ ᠵᠢᠨ ᠲᠣᠬᠠᠢ

     《ᠬᠥᠲᠦᠯᠪᠦᠷᠢ》᠎ᠳᠤ ᠳᠤᠷᠠᠳᠤᠭᠰᠠᠨ᠎ᠨᠢ᠂ ᠬᠣᠶ᠋ᠢᠰᠢᠳᠠ ᠵᠢᠨ ᠲᠠᠪᠤᠨ ᠵᠢᠯ᠎ᠳᠤ ᠮᠠᠨ᠎ᠤ ᠣᠷᠣᠨ᠎ᠤ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠯ ᠪᠦᠷᠢ ᠳᠤᠮᠳᠠᠴᠢ᠎ᠪᠠᠷ ᠲᠤᠰ ᠳᠤᠰ 8% ᠪᠠ 9% ᠣᠷᠴᠢᠮ ᠨᠡᠮᠡᠭᠳᠡᠨ᠎ᠡ᠃ ᠢᠩᠭᠢᠵᠦ ᠪᠠᠶ᠋ᠢᠷᠢᠯᠠᠭᠤᠯᠬᠤ᠎ᠨᠢ ᠭᠣᠣᠯᠳᠠᠭᠤ ᠭᠤᠷᠪᠠᠨ ᠬᠦᠴᠦᠨ ᠵᠦᠢ᠍ᠯ᠎ᠢ ᠪᠣᠳᠣᠯᠬᠢᠯᠠᠪᠠ᠄ ᠨᠢᠭᠡᠳᠦᠭᠡᠷ᠎ᠲᠤ᠂ ᠲᠥᠪ᠎ᠤᠨ 《13· 5》 ᠵᠢᠨ ᠲᠥᠯᠥᠪᠵᠢᠭᠦᠯᠭᠡ ᠵᠢᠨ 《ᠰᠠᠨᠠᠭᠤᠯᠭ᠎ᠠ》᠎ᠳᠤ 《ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ ᠪᠣᠯᠣᠨ ᠠᠵᠤ ᠠᠬᠤᠶ ᠵᠢᠨ ᠨᠡᠮᠡᠭᠳᠡᠯ᠎ᠢ ᠠᠳᠠᠯᠢ ᠠᠯᠬᠤᠮ᠎ᠲᠠᠢ ᠪᠠᠶ᠋ᠢᠯᠭ᠋ᠠᠵᠤ᠂ ᠬᠥᠳᠡᠯᠮᠦᠷᠢ ᠵᠢᠨ ᠬᠥᠯᠥᠰᠥ ᠣᠯᠭᠣᠮᠵᠢ ᠵᠢᠨ ᠳᠡᠭᠡᠭᠰᠢᠯᠡᠯᠲᠡ   ᠪᠣᠯᠣᠨ ᠬᠥᠳᠡᠯᠮᠦᠷᠢ ᠦᠢ᠍ᠯᠡᠳᠪᠦᠷᠢᠯᠡᠯ᠎ᠤᠨ ᠪᠦᠲᠦᠭᠡᠮᠵᠢ ᠵᠢᠨ ᠳᠡᠭᠡᠭᠰᠢᠯᠡᠯᠲᠡ ᠵᠢ ᠠᠳᠠᠯᠢ ᠠᠯᠬᠤᠮ᠎ᠲᠠᠢ ᠪᠠᠢ᠌ᠯᠭ᠋ᠠᠬᠤ ᠵᠢ ᠪᠠᠲᠤᠯᠠᠬᠤ ᠬᠡᠷᠡᠭᠲᠡᠢ》 ᠭᠡᠵᠡᠢ; ᠬᠣᠶᠠᠳᠤᠭ᠋ᠠᠷ᠎ᠲᠤ᠂ ᠵᠢᠱ᠌ᠢᠵᠦ ᠪᠣᠳᠣᠭᠰᠠᠨ ᠵᠶ᠋ᠠᠷ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠡᠶᠡᠯᠡᠭᠦᠯᠬᠦ ᠬᠠᠷᠠᠯᠲᠠ ᠵᠢ ᠪᠡᠶᠡᠯᠡᠭᠦᠯᠬᠦ ᠭᠡᠪᠡᠯ 《13· 5》 ᠵᠢᠨ ᠬᠤᠭᠤᠴᠠᠭ᠋ᠠᠨ᠎ᠳᠤ ᠪᠦᠬᠦ ᠤᠯᠤᠰ᠎ᠤᠨ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ᠎ᠨᠢ ᠨᠠᠭ᠋ᠠᠳᠤ ᠵᠠᠬ᠎ᠠ᠎ᠳᠠᠭᠠᠨ ᠵᠢᠯ ᠪᠦᠷᠢ ᠳᠤᠮᠳᠠᠴᠢ᠎ᠪᠠᠷ ᠲᠤᠰ ᠲᠤᠰ 6.5% ᠪᠠ 4.5% ᠣᠷᠴᠢᠮ᠎ᠪᠠᠷ ᠪᠣᠳᠠᠲᠠᠶ ᠨᠡᠮᠡᠭᠳᠡᠵᠦ᠂ ᠮᠠᠨ᠎ᠤ ᠣᠷᠣᠨ᠎ᠤ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ᠎ᠨᠢ ᠳᠤᠮᠳᠠᠴᠢ᠎ᠪᠠᠷ ᠵᠢᠯ ᠪᠦᠷᠢ ᠲᠤᠰ ᠲᠤᠰ 6.4% ᠪᠠ 3.8%᠎ᠪᠠᠷ ᠪᠣᠳᠠᠲᠠᠶ ᠨᠡᠮᠡᠭᠳᠡᠬᠦ ᠬᠡᠷᠡᠭᠲᠡᠢ᠂ ᠮᠠᠨ᠎ᠤ ᠣᠷᠣᠨ᠎ᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠬᠢᠷᠢ ᠬᠡᠮᠵᠢᠶ᠎ᠡ᠎ᠨᠢ ᠪᠦᠬᠦ ᠤᠯᠤᠰ᠎ᠤᠨ ᠳᠤᠮᠳᠠᠴᠢ ᠬᠢᠷᠢ ᠬᠡᠮᠵᠢᠶ᠎ᠡ᠎ᠠᠴᠠ ᠳᠣᠣᠷ᠎ᠠ ᠪᠠᠶ᠋ᠢᠵᠤ᠂ 《  ᠲᠣᠲᠠᠭᠤ ᠲᠠᠯ᠎ᠠ》᠎ᠪᠠᠨ ᠨᠦᠬᠦᠬᠦ ᠠᠵᠢᠯ᠎ᠤᠨ ᠤᠳᠤᠷᠢᠳᠤᠮᠵᠢ ᠵᠢ ᠬᠠᠷᠠᠭᠤᠯᠵᠤ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠲᠤ ᠬᠥᠭᠵᠢᠯᠲᠡ ᠵᠢᠨ ᠦᠷ᠎ᠡ ᠪᠦᠲᠦᠭᠡᠯ᠎ᠢ ᠬᠠᠮᠲᠤ᠎ᠪᠠᠷ   ᠬᠦᠷᠲᠡᠭᠡᠵᠦ᠂ 《ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢ ᠪᠦᠬᠦ ᠤᠯᠤᠰ᠎ᠤᠨ ᠳᠤᠮᠳᠠᠴᠢ ᠲᠦᠪᠰᠢᠨ᠎ᠳᠤ ᠬᠦᠷᠭᠡᠬᠦ  》 ᠬᠠᠷᠠᠯᠲᠠ ᠵᠢ ᠪᠡᠶᠡᠯᠡᠭᠦᠯᠬᠦ ᠵᠢᠨ ᠲᠥᠯᠥᠭᠡ᠂ ᠮᠠᠨ᠎ᠤ ᠣᠷᠣᠨ᠎ᠤ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠤᠨ ᠬᠤᠷᠳᠤᠴᠠ ᠵᠢ ᠡᠷᠬᠡᠪᠰᠢ ᠪᠦᠬᠦ ᠤᠯᠤᠰ᠎ᠤᠨ ᠳᠤᠮᠳᠠᠴᠢ ᠬᠢᠷᠢ ᠬᠡᠮᠵᠢᠶ᠎ᠡ᠎ᠠᠴᠠ ᠳᠡᠭᠡᠭᠦᠷ ᠪᠠᠢ᠌ᠯᠭ᠋ᠠᠬᠤ ᠬᠡᠷᠡᠭᠲᠡᠢ; ᠭᠤᠷᠪᠠᠳᠤᠭ᠋ᠠᠷ᠎ᠲᠤ᠂ ᠪᠣᠯᠣᠯᠴᠠᠭ᠋ᠠᠲᠤ ᠴᠢᠨᠠᠷ᠎ᠠᠴᠠ ᠦᠵᠡᠪᠡᠯ᠂ 《13· 5》 ᠵᠢᠨ ᠬᠤᠭᠤᠴᠠᠭ᠋ᠠᠨ᠎ᠳᠤ᠂ ᠮᠠᠨ᠎ᠤ ᠣᠷᠣᠨ᠎ᠤ ᠮᠠᠯᠵᠢᠬᠤ ᠲᠠᠷᠢᠶᠠᠯᠠᠬᠤ ᠣᠷᠣᠨ ᠎ᠤ 《ᠠᠷᠪᠠ ᠵᠢ ᠪᠦᠷᠢᠨ ᠪᠦᠷᠬᠦᠭᠦᠯᠬᠦ》 ᠢᠨᠵᠧᠨᠧᠷᠢᠩ ᠪᠦᠬᠦ ᠲᠠᠯ᠎ᠠ᠎ᠪᠠᠷ ᠪᠠᠶ᠋ᠢᠭᠤᠯᠤᠨ ᠪᠡᠶᠡᠯᠡᠭᠳᠡᠵᠦ᠂ ᠮᠠᠯᠵᠢᠬᠤ ᠲᠠᠷᠢᠶᠠᠯᠠᠬᠤ ᠣᠷᠣᠨ᠎ᠤ ᠠᠶ᠋ᠢᠯ ᠲᠣᠰᠬᠣᠨ᠎ᠤ ᠳᠦᠷᠰᠦ ᠪᠠᠶ᠋ᠢᠳᠠᠯ᠂ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠪᠣᠯᠣᠨ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠨᠢ ᠲᠩᠷᠢ ᠭᠠᠵᠠᠷ᠎ᠢ ᠳᠣᠩᠰᠣᠯᠭ᠋ᠠᠮ᠎ᠠ ᠬᠤᠪᠢᠷᠠᠯᠲᠠ ᠭᠠᠷᠴᠤ᠂ ᠮᠠᠯᠵᠢᠬᠤ ᠲᠠᠷᠢᠶᠠᠯᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠲᠦᠯᠭᠢᠨ ᠠᠬᠢᠭᠤᠯᠬᠤ᠎ᠳᠤ ᠴᠢᠬᠤᠯᠠ ᠶᠡᠬᠡ ᠠᠴᠢ ᠲᠤᠰᠠ ᠦᠵᠡᠭᠦᠯᠬᠦ ᠶᠤᠮ᠂ ᠢᠯᠠᠩᠭᠤᠶ᠎ᠠ ᠨᠤᠷᠠᠬᠤ ᠠᠶᠤᠯᠲᠠᠶ ᠭᠡᠷ ᠪᠠᠶ᠋ᠢᠰᠢᠩ᠎ᠢ ᠥᠭᠡᠷᠡᠴᠢᠯᠡᠨ ᠰᠠᠢ᠌ᠵᠢᠷᠠᠭᠤᠯᠬᠤ ᠪᠠ ᠨᠡᠶ᠋ᠢᠭᠡᠮ᠎ᠤᠨ ᠪᠠᠲᠤᠯᠠᠭ᠎ᠠ ᠵᠢᠨ ᠢᠨᠵᠧᠨᠧᠷᠢᠩ᠎ᠢ ᠬᠡᠷᠡᠭᠵᠢᠭᠦᠯᠬᠦ᠎ᠨᠢ ᠮᠠᠯᠴᠢᠨ ᠲᠠᠷᠢᠶᠠᠴᠢᠳ᠎ᠤᠨ ᠰᠢᠯᠵᠢᠯ᠎ᠤᠨ ᠴᠢᠨᠠᠷᠲᠠᠶ ᠣᠷᠣᠯᠭ᠎ᠠ ᠪᠣᠯᠣᠨ ᠴᠠᠯᠢᠩ᠎ᠤᠨ ᠴᠢᠨᠠᠷᠲᠠᠶ ᠣᠷᠣᠯᠭ᠎ᠠ ᠵᠢ ᠳᠡᠭᠡᠭᠰᠢᠯᠡᠭᠦᠯᠵᠦ᠂ ᠣᠷᠣᠯᠭ᠎ᠠ ᠬᠤᠪᠢᠶᠠᠷᠢᠯᠠᠯᠲᠠ ᠵᠢᠨ ᠲᠦᠷᠦ ᠵᠢᠨ ᠪᠤᠳᠤᠯᠭ᠎ᠠ ᠵᠢᠨ ᠤᠯᠠᠮ ᠨᠢᠭᠡ ᠠᠯᠬᠤᠮ ᠲᠡᠭᠦᠯᠳᠡᠷᠵᠢᠬᠦ ᠵᠢ ᠳᠠᠭ᠋ᠠᠯᠳᠤᠨ᠂ ᠢᠯᠠᠩᠭᠤᠶ᠎ᠠ ᠪᠣᠳᠠᠲᠤ ᠴᠣᠭᠴᠠ ᠵᠢᠨ ᠠᠵᠤ ᠠᠬᠤᠶ᠋ᠢᠯᠠᠯ᠎ᠤᠨ ᠥᠪᠡᠷ᠎ᠤᠨ ᠦᠷᠳᠡᠭ᠎ᠢ ᠪᠠᠭᠤᠷᠠᠭᠤᠯᠬᠤ ᠠᠵᠢᠯᠯᠠᠭ᠎ᠠ᠂ ᠪᠦᠲᠦᠴᠡ ᠵᠢᠨ ᠴᠢᠨᠠᠷᠲᠠᠶ ᠪᠣᠯᠣᠨ ᠲᠦᠭᠡᠮᠡᠯ ᠬᠦᠷᠲᠡᠭᠡᠮᠵᠢ ᠵᠢᠨ ᠴᠢᠨᠠᠷᠲᠠᠶ ᠭᠠᠶ᠋ᠢᠯᠢ ᠬᠥᠩᠭᠡᠯᠡᠬᠦ᠂ ᠲᠦᠭᠡᠮᠡᠯ ᠴᠢᠨᠠᠷᠲᠠᠶ᠎ᠪᠠᠷ ᠰᠦᠢ᠍ᠳᠬᠡᠯ ᠪᠠᠭᠤᠷᠠᠭᠤᠯᠬᠤ ᠵᠢᠴᠢ ᠦᠢ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠬᠤ ᠪᠠ ᠲᠦᠭ ᠲᠦᠮᠡᠨ ᠵᠶ᠋ᠡᠷ ᠵᠶ᠋ᠡᠨ ᠰᠢᠨ᠎ᠡ ᠵᠢ ᠡᠭᠦᠳᠬᠦ ᠵᠡᠷᠭᠡ ᠲᠦᠷᠦ ᠵᠢᠨ ᠪᠤᠳᠤᠯᠭ᠎ᠠ ᠵᠢ ᠬᠡᠷᠡᠭᠵᠢᠭᠦᠯᠬᠦ᠎ᠨᠢ ᠠᠵᠢᠯ ᠣᠯᠭᠣᠯᠲᠠ ᠵᠢ ᠠᠬᠢᠭᠤᠯᠵᠤ᠂ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠣᠷᠣᠯᠭ᠎ᠠ ᠵᠢ ᠤᠯᠠᠮ ᠨᠢᠭᠡ ᠠᠯᠬᠤᠮ ᠨᠡᠮᠡᠭᠳᠡᠭᠦᠯᠬᠦ ᠪᠣᠯᠣᠨ᠎ᠠ᠃
      ᠬᠥᠲᠥᠯᠥᠭᠴᠢ᠄
      ᠮᠠᠨ᠎ᠤ ᠣᠷᠣᠨ᠎ᠤ 《13· 5》 ᠵᠢᠨ ᠲᠥᠯᠥᠪᠵᠢᠭᠦᠯᠭᠡ ᠵᠢᠨ 《ᠬᠦᠲᠦᠯᠪᠦᠷᠢ》 ᠵᠢ ᠨᠠᠢ᠌ᠷᠠᠭᠤᠯᠤᠨ ᠲᠤᠭᠤᠷᠪᠢᠬᠤ᠎ᠳᠤ ᠪᠠᠶ᠋ᠢᠷᠢᠯᠠᠭᠤᠯᠤᠯᠲᠠ ᠵᠢᠨ ᠲᠠᠯ᠎ᠠ᠎ᠪᠠᠷ ᠭᠤᠤᠯᠳᠠᠭᠤ ᠶᠠᠭᠤ ᠵᠢ ᠪᠤᠳᠤᠯᠬᠢᠯᠠᠭᠰᠠᠨ ᠪᠤᠢ? ᠲᠡᠭᠦᠨ᠎ᠤ ᠣᠨᠴᠠᠯᠢᠭ᠎ᠨᠢ ᠶᠠᠭᠤ ᠪᠤᠢ?
      ᠸᠠᠩ ᠵᠢᠨ ᠪᠦᠦ᠄
     《ᠬᠦᠲᠦᠯᠪᠦᠷᠢ》 ᠵᠢᠨ ᠦᠨᠳᠦᠰᠦᠨ ᠲᠥᠯᠥᠪ᠎ᠢ ᠭᠤᠷᠪᠠᠨ ᠲᠤᠮᠤ ᠬᠡᠰᠡᠭ ᠪᠤᠯᠭ᠋ᠠᠨ ᠬᠤᠪᠢᠶᠠᠵᠤ᠂ ᠨᠡᠢ᠌ᠲᠡ ᠠᠷᠪᠠᠨ ᠠᠨᠭ᠌ᠬᠢ᠂ ᠳᠥᠴᠢᠨ ᠬᠤᠶᠠᠷ ᠪᠦᠯᠦᠭ᠎ᠲᠠᠢ᠃
      ᠨᠢᠭᠡᠳᠦᠭᠡᠷ ᠲᠤᠮᠤ ᠬᠡᠰᠡᠭ᠎ᠨᠢ ᠨᠢᠭᠡᠳᠦᠭᠡᠷ᠂ ᠬᠣᠶᠠᠳᠤᠭ᠋ᠠᠷ ᠠᠨᠭ᠌ᠬᠢ᠎ᠪᠠᠷ ᠪᠦᠷᠢᠯᠳᠦᠪᠡ᠃ ᠨᠢᠭᠡᠳᠦᠭᠡᠷ ᠠᠨᠭ᠌ᠬᠢ᠎ᠳᠤ 《12· 5》 ᠵᠢᠨ ᠲᠦᠯᠦᠪᠵᠢᠬᠦᠯᠭᠡ ᠵᠢ ᠡᠷᠭᠢᠴᠡᠭᠦᠯᠵᠦ᠂ ᠪᠠᠲᠤ ᠪᠡᠬᠢ ᠬᠥᠭᠵᠢᠯᠲᠡ ᠵᠢᠨ ᠰᠠᠭᠤᠷᠢ ᠵᠢ ᠲᠠᠯᠪᠢᠵᠤ᠂ ᠮᠠᠨ᠎ᠤ ᠣᠷᠣᠨ᠎ᠤ 《12· 5》 ᠵᠢᠨ ᠲᠦᠯᠦᠪᠵᠢᠬᠦᠯᠭᠡ ᠵᠢᠨ ᠬᠥᠭᠵᠢᠯᠲᠡ ᠵᠢᠨ ᠠᠮᠵᠢᠯᠲᠠ᠂ ᠦᠨᠳᠦᠰᠦᠨ ᠲᠤᠷᠰᠢᠯᠭ᠎ᠠ ᠵᠢ ᠡᠷᠭᠢᠴᠡᠭᠦᠯᠦᠨ ᠳ᠋ᠦᠨᠭᠨᠡᠪᠡ᠃ ᠬᠣᠶᠠᠳᠤᠭ᠋ᠠᠷ ᠠᠨᠭ᠌ᠬᠢ᠎ᠳᠤ 《13·5》 ᠵᠢᠨ ᠲᠦᠯᠦᠪᠵᠢᠬᠦᠯᠭᠡ ᠵᠢ ᠪᠠᠷᠠᠯᠠᠨ᠂ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠠᠢ᠌ᠭᠤᠯᠬᠤ ᠵᠢ ᠵᠢᠷᠤᠭᠯᠠᠵᠤ᠂ ᠥᠪᠡᠷᠲᠡᠭᠡᠨ ᠵᠠᠰᠠᠬᠤ ᠣᠷᠣᠨ᠎ᠤ 《13· 5》 ᠵᠢᠨ ᠲᠦᠯᠦᠪᠵᠢᠬᠦᠯᠭᠡ᠎ᠳᠤ ᠲᠤᠯᠭ᠋ᠠᠷᠠᠵᠤ ᠪᠠᠶ᠋ᠢᠭ᠎ᠠ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠥᠭᠵᠢᠯᠲᠡ ᠵᠢᠨ ᠣᠷᠴᠢᠨ ᠲᠣᠭᠣᠷᠢᠨ᠎ᠢ ᠭᠦᠨᠵᠡᠭᠡᠶ ᠵᠠᠳᠠᠯᠵᠤ᠂ ᠰᠢᠨ᠎ᠡ ᠬᠡᠪ ᠪᠠᠶ᠋ᠢᠳᠠᠯ ᠳᠤᠤᠷᠠᠬᠢ ᠠᠵᠤ ᠠᠬᠤᠶ ᠵᠢᠨ ᠬᠥᠭᠵᠢᠯᠲᠡ ᠵᠢᠨ ᠬᠤᠷᠳᠤᠴᠠ ᠵᠢ ᠬᠤᠪᠢᠷᠠᠭᠤᠯᠬᠤ᠂ ᠪᠦᠲᠦᠴᠡ ᠵᠢ ᠰᠢᠯᠢᠳᠡᠭᠵᠢᠬᠦᠯᠬᠦ᠂ ᠬᠥᠳᠡᠯᠭᠡᠬᠦ ᠬᠦᠴᠦᠨ᠎ᠤ ᠬᠤᠪᠢᠷᠠᠭᠤᠯᠤᠯᠲᠠ ᠵᠢᠨ ᠬᠠᠨᠳᠤᠰᠢ ᠪᠤᠯᠤᠨ ᠮᠥᠨ ᠴᠢᠨᠠᠷ᠎ᠤᠨ ᠱᠠᠭ᠋ᠠᠷᠳᠠᠯᠭ᠎ᠠ ᠵᠢ ᠪᠠᠲᠤ ᠡᠵᠡᠮᠰᠢᠵᠦ᠂ 《13 · 5》 ᠵᠢᠨ ᠲᠦᠯᠦᠪᠵᠢᠬᠦᠯᠭᠡ ᠵᠢᠨ ᠬᠥᠭᠵᠢᠯᠲᠡ ᠵᠢᠨ ᠵᠢᠯᠣᠭᠣᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠬᠦᠭᠵᠢᠯᠲᠡ ᠵᠢᠨ ᠤᠨᠤᠯᠵᠢᠬᠤᠨ ᠪᠤᠯᠤᠨ ᠬᠥᠭᠵᠢᠯᠲᠡ ᠵᠢᠨ ᠬᠠᠷᠠᠯᠲᠠ ᠵᠢ ᠳᠤᠷᠠᠳᠪᠠ᠃
      ᠬᠣᠶᠠᠳᠤᠭ᠋ᠠᠷ ᠲᠤᠮᠤ ᠬᠡᠰᠡᠭ᠎ᠨᠢ ᠭᠤᠷᠪᠠᠳᠤᠭ᠋ᠠᠷ ᠠᠨᠭ᠌ᠬᠢ᠎ᠠᠴᠠ ᠶᠢᠰᠦᠳᠦᠭᠡᠷ ᠠᠨᠭ᠌ᠬᠢ ᠬᠦᠷᠲᠡᠯᠡᠬᠢ ᠳᠤᠯᠤᠭ᠋ᠠᠨ ᠠᠨᠭ᠌ᠬᠢ᠎ᠪᠠᠷ ᠪᠦᠷᠢᠯᠳᠦᠪᠡ᠃ ᠡᠨᠡ ᠭᠡᠰᠡᠭ ᠪᠣᠯ 《ᠬᠦᠲᠦᠯᠪᠦᠷᠢ》 ᠵᠢᠨ ᠭᠣᠣᠯ ᠬᠡᠰᠡᠭ ᠪᠣᠯᠤᠨ᠎ᠠ᠂ ᠨᠠᠢ᠌ᠷᠠᠭᠤᠯᠤᠨ ᠲᠤᠭᠤᠷᠪᠢᠬᠤ᠎ᠳᠤ᠎ᠪᠠᠨ   ᠲᠦᠪ ᠬᠤᠷᠢᠶ᠎ᠠ ᠵᠢᠨ 《ᠲᠠᠪᠤᠨ ᠶᠡᠬᠡ ᠬᠥᠭᠵᠢᠯᠲᠡ ᠵᠢᠨ ᠤᠨᠤᠯᠵᠢᠬᠤᠨ》᠎ᠲᠠᠢ ᠨᠢᠭᠲᠠ ᠤᠶᠠᠯᠳᠤᠭᠤᠯᠤᠨ᠂ 《13 · 5》 ᠵᠢᠨ ᠲᠦᠯᠦᠪᠵᠢᠬᠦᠯᠭᠡ ᠵᠢᠨ ᠲᠠᠪᠤᠨ ᠶᠡᠬᠡ ᠪᠠᠶ᠋ᠢᠯᠳᠤᠬᠤ ᠪᠤᠳᠤᠯᠭ᠎ᠠ ᠵᠢᠨ ᠡᠭᠦᠷᠭᠡ ᠵᠢ ᠳᠤᠷᠠᠳᠤᠨ ᠭᠠᠷᠭ᠋ᠠᠭᠰᠠᠨ ᠰᠠᠭᠤᠷᠢᠨ ᠳᠡᠭᠡᠷ᠎ᠡ᠂ ᠥᠪᠥᠷ ᠮᠣᠩᠭᠣᠯ᠎ᠤᠨ ᠪᠣᠳᠠᠲᠠᠶ ᠨᠡᠮᠡᠭᠰᠡᠨ ᠬᠣᠶᠠᠷ ᠶᠡᠬᠡ ᠪᠠᠶ᠋ᠢᠯᠳᠤᠬᠤ ᠪᠣᠳᠣᠯᠭ᠎ᠠ ᠵᠢᠨ ᠡᠭᠦᠷᠭᠡ᠎ᠲᠠᠢ ᠤᠶᠠᠯᠳᠤᠭᠤᠯᠤᠨ᠂ 《5 + 2》᠎ᠢ ᠨᠡᠮᠡᠭᠰᠡᠨ ᠳᠤᠯᠤᠭ᠋ᠠᠨ ᠶᠡᠬᠡ ᠪᠠᠶ᠋ᠢᠯᠳᠤᠬᠤ ᠪᠤᠳᠤᠯᠭ᠎ᠠ ᠵᠢᠨ ᠡᠭᠦᠷᠭᠡ ᠵᠢ ᠳᠤᠷᠠᠳᠴᠤ ᠭᠠᠷᠭ᠋ᠠᠪᠠ᠃ ᠲᠠᠪᠤᠨ ᠶᠡᠬᠡ ᠪᠠᠶ᠋ᠢᠯᠳᠤᠬᠤ ᠪᠤᠳᠤᠯᠭ᠎ᠠ ᠵᠢᠨ ᠡᠭᠦᠷᠭᠡ ᠪᠣᠯ᠄ ᠨᠢᠭᠡ᠎ᠳᠤ ᠰᠢᠨ᠎ᠡ ᠵᠢ ᠡᠭᠦᠳᠬᠦ ᠬᠦᠭᠵᠢᠯᠲᠡ ᠵᠢ ᠪᠠᠷᠢᠮᠲᠠᠯᠠᠵᠤ᠂ ᠬᠥᠭᠵᠢᠯᠲᠡ ᠵᠢᠨ ᠶᠠᠰᠤ ᠴᠢᠨᠠᠷ ᠪᠤᠯᠤᠨ ᠦᠷ᠎ᠡ ᠠᠰᠢᠭ᠎ᠢ ᠳᠡᠭᠡᠭᠰᠢᠯᠡᠭᠦᠯᠬᠦ; ᠬᠣᠶᠠᠷ᠎ᠲᠤ ᠵᠣᠬᠢᠴᠠᠩᠭᠤᠶ ᠬᠥᠭᠵᠢᠯᠲᠡ ᠵᠢ ᠪᠠᠷᠢᠮᠲᠠᠯᠠᠵᠤ᠂ ᠬᠥᠭᠵᠢᠯᠲᠡ ᠵᠢᠨ ᠪᠦᠬᠦᠯᠢ ᠴᠤᠭᠴᠠᠲᠤ ᠴᠢᠨᠠᠷ᠎ᠢ ᠬᠦᠴᠦᠷᠭᠡᠭᠵᠢᠬᠦᠯᠬᠦ; ᠭᠤᠷᠪᠠ᠎ᠳᠤ ᠪᠣᠬᠢᠷᠲᠤᠯ ᠦᠭᠡᠢ ᠬᠥᠭᠵᠢᠯᠲᠡ ᠵᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠬᠦᠯᠬᠦ; ᠲᠦᠷᠪᠡ᠎ᠳᠤ᠂ ᠭᠠᠳᠠᠭᠰᠢ ᠨᠡᠭᠡᠭᠡᠬᠦ ᠵᠢ ᠪᠠᠷᠢᠮᠲᠠᠯᠠᠵᠤ᠂ ᠭᠠᠳᠠᠭᠰᠢ ᠨᠡᠭᠡᠭᠡᠬᠦ ᠬᠢᠷᠢ   ᠲᠦᠪᠰᠢᠨ ᠵᠶ᠋ᠠᠨ ᠳᠡᠭᠡᠭᠰᠢᠯᠡᠭᠦᠯᠬᠦ; ᠲᠠᠪᠤ᠎ᠳᠤ ᠬᠠᠮᠲᠤ᠎ᠪᠠᠷ ᠡᠳ᠋ᠯᠡᠬᠦ ᠬᠥᠭᠵᠢᠯᠲᠡ ᠵᠢ ᠪᠠᠷᠢᠮᠲᠠᠯᠠᠵᠤ᠂ ᠠᠷᠠᠳ ᠲᠦᠮᠡᠨ᠎ᠤ ᠠᠵᠠ ᠵᠢᠷᠭ᠋ᠠᠯ᠎ᠢ ᠲᠠᠰᠤᠷᠠᠯᠳᠠ ᠦᠭᠡᠢ ᠨᠡᠮᠡᠭᠳᠡᠬᠦᠯᠬᠦ ᠪᠤᠯᠤᠨ᠎ᠠ᠃ ᠬᠣᠶᠠᠷ ᠶᠡᠬᠡ ᠪᠠᠶ᠋ᠢᠯᠳᠤᠬᠤ ᠪᠤᠳᠤᠯᠭ᠎ᠠ ᠵᠢᠨ ᠡᠭᠦᠷᠭᠡ ᠪᠣᠯ᠄ ᠨᠢᠭᠡᠳᠦᠭᠡᠷ᠎ᠲᠤ᠂ ᠠᠵᠤ ᠠᠬᠤᠶ ᠵᠢ ᠦᠷᠭᠦᠯᠵᠢᠯᠡᠨ ᠡᠷᠡᠭᠦᠯ ᠵᠶ᠋ᠠᠷ ᠬᠥᠭᠵᠢᠭᠦᠯᠬᠦ ᠵᠢ ᠠᠬᠢᠭᠤᠯᠵᠤ᠂ ᠭᠠᠵᠠᠷ ᠣᠷᠣᠨ᠎ᠤ ᠠᠵᠤ ᠠᠬᠤᠶ ᠵᠢᠨ ᠶᠡᠷᠦᠩᠬᠡᠶ᠋ᠢᠯᠡᠭᠰᠡᠨ ᠪᠣᠳᠠᠲᠤ ᠬᠦᠴᠦᠨ᠎ᠢ ᠪᠤᠵᠠᠭ᠋ᠠᠶ᠋ᠢᠷᠠᠭᠤᠯᠬᠤ; ᠬᠣᠶᠠᠳᠤᠭ᠋ᠠᠷ᠎ᠲᠤ᠂ ᠡᠶ᠎ᠡ ᠵᠣᠬᠢᠴᠠᠯ᠎ᠲᠠᠢ ᠥᠪᠥᠷ ᠮᠣᠩᠭᠣᠯ᠎ᠢ ᠪᠥᠳᠥᠭᠡᠨ ᠪᠠᠶ᠋ᠢᠭᠤᠯᠬᠤ ᠵᠢ ᠲᠦᠯᠬᠢᠨ ᠠᠬᠢᠭᠤᠯᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠣᠭᠲᠠᠭᠤᠨ ᠬᠠᠯᠬᠠᠪᠴᠢ ᠵᠢ ᠪᠡᠬᠢᠵᠢᠬᠦᠯᠬᠦ ᠪᠤᠯᠤᠨ᠎ᠠ᠃
      ᠭᠤᠷᠪᠠᠳᠤᠭ᠋ᠠᠷ ᠬᠡᠰᠡᠭ᠎ᠨᠢ ᠳᠠᠷᠤᠢ ᠠᠷᠪᠠᠳᠤᠭ᠋ᠠᠷ ᠠᠨᠭ᠌ᠬᠢ ᠪᠤᠯᠤᠨ᠎ᠠ᠂ ᠥᠭᠡᠷ᠎ᠡ᠎ᠪᠠᠷ ᠬᠡᠯᠡᠪᠡᠯ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠨ᠂ ᠲᠥᠯᠥᠪᠵᠢᠭᠦᠯᠭᠡ ᠵᠢᠨ ᠤᠷᠤᠭᠰᠢᠲᠠᠶ ᠬᠡᠷᠡᠭᠵᠢᠭᠦᠯᠦᠭᠳᠡᠬᠦ ᠵᠢ ᠪᠠᠲᠤᠯᠠᠵᠤ᠂ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠬᠤ᠂ ᠲᠥᠯᠥᠪᠵᠢᠭᠦᠯᠭᠡ ᠵᠢᠨ ᠬᠡᠷᠡᠭᠵᠢᠬᠦᠯᠦᠯᠲᠡ ᠬᠠᠮᠢᠶᠠᠷᠤᠯᠲᠠ ᠵᠢ ᠴᠢᠩᠭ᠋ᠠᠳᠬᠠᠬᠤ ᠪᠠ ᠦᠨᠡᠯᠡᠨ ᠵᠢᠱ᠌ᠢᠬᠦ ᠬᠢᠨᠠᠯᠲᠠ ᠲᠠᠯᠪᠢᠬᠤ ᠵᠡᠷᠭᠡ ᠭᠤᠷᠪᠠᠨ ᠲᠠᠯ᠎ᠠ᠎ᠪᠠᠷ ᠦᠭᠦᠯᠡᠭᠰᠡᠨ ᠪᠠᠢ᠌ᠨ᠎ᠠ᠃
      ᠬᠥᠲᠥᠯᠥᠭᠴᠢ᠄
     《13·5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠮᠠᠨ᠎ᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠶᠡᠷᠦᠩᠬᠡᠶ᠋ᠢᠯᠡᠨ ᠵᠢᠯᠣᠭᠣᠳᠬᠤ ᠦᠵᠡᠯ ᠰᠠᠨᠠᠭ᠎ᠠ᠎ᠨᠢ ᠶᠠᠭᠤ ᠪᠤᠶ?
      ᠸᠠᠩ ᠵᠢᠨ ᠪᠦᠦ᠄
     《13· 5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠮᠠᠨ᠎ᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠶᠡᠷᠦᠩᠬᠡᠶ᠋ᠢᠯᠡᠨ ᠵᠢᠯᠣᠭᠣᠳᠬᠤ ᠦᠵᠡᠯ ᠰᠠᠨᠠᠭ᠎ᠠ ᠪᠣᠯ᠄ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠤᠨ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ ᠪᠣᠯᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠵᠤ᠂ ᠮᠠᠷᠺᠰ ᠯᠧᠨᠢᠨ᠎ᠤ ᠦᠵᠡᠯ᠂ ᠮᠠᠤ ᠽᠸ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠤᠤ ᠫᠢᠩ᠎ᠤᠨ ᠣᠨᠣᠯ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ᠎ᠪᠠᠷ ᠵᠢᠯᠤᠭᠤᠳᠤᠯᠭ᠎ᠠ ᠪᠣᠯᠭ᠋ᠠᠨ᠂ ᠶᠡᠷᠦᠩᠬᠡᠶ ᠱᠦᠵᠢ ᠰᠢ ᠵᠢᠨ ᠫᠢᠩ᠎ᠤᠨ ᠰᠢᠷᠢᠰ ᠴᠢᠬᠤᠯᠠ ᠶᠠᠷᠢᠶ᠎ᠠ ᠪᠣᠯᠤᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ᠎ᠳᠤ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠶᠢᠰᠦᠳᠦᠭᠡᠷ ᠬᠤᠭᠤᠴᠠᠭ᠋ᠠᠨ᠎ᠤ ᠠᠷᠪᠠᠨ ᠨᠢᠭᠡᠳᠦᠭᠡᠷ᠂ ᠠᠷᠪᠠᠨ ᠬᠣᠶᠠᠳᠤᠭ᠋ᠠᠷ᠂ ᠠᠷᠪᠠᠨ ᠭᠤᠷᠪᠠᠳᠤᠭ᠋ᠠᠷ᠂ ᠠᠷᠪᠠᠨ ᠳᠥᠷᠪᠡᠳᠦᠭᠡᠷ ᠤᠳᠠᠭ᠋ᠠᠨ᠎ᠤ ᠪᠦᠬᠦ ᠭᠡᠰᠢᠭᠦᠳ᠎ᠤᠨ ᠬᠤᠷᠠᠯ᠎ᠤᠨ ᠵᠣᠷᠢᠭ ᠰᠠᠨᠠᠭ᠎ᠠ ᠪᠣᠯᠤᠨ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠤᠱᠯᠠᠭᠤᠯᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠂ ᠤᠯᠤᠰ ᠵᠶ᠋ᠠᠨ ᠪᠦᠬᠦ ᠲᠠᠯ᠎ᠠ᠎ᠪᠠᠷ ᠬᠠᠤᠯᠢ ᠶᠣᠰᠣᠭ᠋ᠠᠷ ᠵᠠᠰᠠᠬᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠪᠠᠷᠢᠮᠲᠠᠯᠠᠵᠤ᠂ ᠬᠥᠭᠵᠢᠭᠦᠯᠬᠦ ᠪᠣᠯ ᠲᠡᠷᠢᠭᠦᠨ ᠴᠢᠬᠤᠯᠠ ᠡᠭᠦᠷᠭᠡ ᠪᠤᠯᠬᠤ ᠵᠢ ᠪᠠᠷᠢᠮᠲᠠᠯᠠᠨ᠂ ᠰᠢᠨ᠎ᠡ ᠵᠢ ᠡᠭᠦᠳᠬᠦ᠂ ᠵᠤᠬᠢᠴᠠᠨᠭ᠌ᠭᠤᠢ ᠪᠠᠢ᠌ᠬᠤ᠂ ᠪᠤᠬᠢᠷᠳᠤᠯ ᠦᠭᠡᠢ᠂ ᠨᠡᠭᠡᠭᠡᠯᠳᠡ ᠬᠢᠬᠦ᠂ ᠬᠠᠮᠲᠤ᠎ᠪᠠᠷ ᠡᠳ᠋ᠯᠡᠬᠦ ᠬᠥᠭᠵᠢᠯᠲᠡ ᠵᠢᠨ ᠤᠨᠤᠯᠵᠢᠬᠤᠨ᠎ᠢ ᠪᠠᠷᠢᠮᠲᠠᠯᠠᠵᠤ᠂ ᠬᠥᠭᠵᠢᠯᠲᠡ ᠵᠢᠨ ᠶᠠᠰᠤ ᠴᠢᠨᠠᠷ ᠪᠣᠯᠤᠨ ᠦᠷ᠎ᠡ ᠠᠰᠢᠭ᠎ᠢ ᠳᠡᠭᠡᠭᠰᠢᠯᠡᠭᠦᠯᠬᠦ᠎ᠪᠠᠷ ᠭᠣᠣᠯᠳᠠᠯᠭ᠎ᠠ ᠪᠣᠯᠭ᠋ᠠᠨ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠴᠢᠨᠭ᠌ᠭ᠋ᠠᠳᠬᠠᠵᠤ᠂ ᠠᠵᠤ ᠠᠬᠤᠶ ᠵᠢᠨ ᠬᠥᠭᠵᠢᠯᠲᠡ ᠵᠢᠨ ᠰᠢᠨ᠎ᠡ ᠬᠡᠪ ᠪᠠᠶ᠋ᠢᠳᠠᠯ᠎ᠤᠨ ᠪᠠᠶ᠋ᠢᠭᠤᠯᠤᠯ ᠲᠣᠭᠲᠠᠴᠠ ᠪᠤᠯᠤᠨ ᠬᠥᠭᠵᠢᠯᠲᠡ ᠵᠢᠨ ᠠᠷᠭ᠎ᠠ ᠮᠠᠶᠢᠭ᠎ᠢ ᠲᠦᠷᠭᠡᠳᠭᠡᠨ ᠪᠤᠢ ᠪᠣᠯᠭ᠋ᠠᠵᠤ᠂ ᠲᠣᠭᠲᠠᠭᠤᠨ ᠪᠠᠶ᠋ᠢᠯᠭ᠋ᠠᠬᠤ ᠵᠢᠨ ᠵᠡᠷᠭᠡ᠎ᠳᠤ ᠤᠷᠤᠭᠰᠢᠯᠠᠭᠤᠯᠬᠤ ᠵᠢ ᠪᠠᠷᠢᠮᠲᠠᠯᠠᠵᠤ᠂ ᠠᠵᠤ ᠠᠬᠤᠶ ᠵᠢᠨ ᠪᠠᠶ᠋ᠢᠭᠤᠯᠤᠯᠲᠠ᠂ ᠤᠯᠤᠰ ᠲᠦᠷᠦ ᠵᠢᠨ ᠪᠠᠶ᠋ᠢᠭᠤᠯᠤᠯᠲᠠ᠂ ᠰᠣᠶᠣᠯ᠎ᠤᠨ ᠪᠠᠶ᠋ᠢᠭᠤᠯᠤᠯᠲᠠ᠂ ᠨᠡᠶ᠋ᠢᠭᠡᠮ᠎ᠤᠨ ᠪᠠᠶ᠋ᠢᠭᠤᠯᠤᠯᠲᠠ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ 《ᠲᠠᠪᠤᠨ ᠶᠡᠬᠡ ᠰᠠᠭᠤᠷᠢᠨ ᠭᠠᠵᠠᠷ》᠂ 《ᠬᠣᠶᠠᠷ ᠬᠠᠯᠬᠠᠪᠴᠢ》᠂ 《ᠨᠢᠭᠡ ᠪᠡᠬᠢᠯᠡᠯᠲᠡ ᠨᠢᠭᠡ ᠪᠦᠰᠡ》 ᠵᠢᠨ ᠪᠦᠳᠦᠭᠡᠨ ᠪᠠᠶ᠋ᠢᠭᠤᠯᠤᠯᠲᠠ ᠵᠢᠨ ᠠᠯᠬᠤᠴᠠ ᠵᠢ ᠲᠦᠷᠭᠡᠳᠬᠡᠵᠦ᠂ ᠰᠢᠨ᠎ᠡ ᠮᠠᠶᠢᠭ᠎ᠤᠨ ᠠᠵᠤ ᠦᠢ᠍ᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭ᠋ᠠᠰᠤᠵᠢᠯᠳᠡ᠂ ᠲᠠᠷᠢᠶᠠᠯᠠᠩ ᠮᠠᠯ ᠠᠵᠤ ᠠᠬᠤᠶ ᠵᠢᠨ ᠣᠳᠣᠬᠢᠴᠢᠯᠠᠯᠲᠠ ᠵᠡᠷᠭᠡ 《ᠳᠥᠷᠪᠡᠨ ᠣᠳᠣᠬᠢᠴᠢᠯᠠᠯᠲᠠ》 ᠵᠢᠨ ᠬᠥᠭᠵᠢᠯᠲᠡ ᠵᠢᠨ ᠵᠠᠮ ᠵᠶ᠋ᠠᠷ ᠵᠠᠮᠨᠠᠵᠤ᠂ ᠴᠢᠨᠡᠭᠡᠯᠢᠭ ᠨᠡᠶ᠋ᠢᠭᠡᠮ᠎ᠢ ᠬᠤᠭᠤᠴᠠᠭ᠎ᠠ ᠶᠤᠰᠤᠭ᠋ᠠᠷ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠵᠢ ᠦᠨᠡᠨ ᠬᠦ᠌ ᠪᠠᠲᠤᠯᠠᠵᠤ᠂ ᠠᠵᠤ ᠠᠬᠤᠶ ᠵᠢᠨ ᠬᠦᠭᠵᠢᠯᠲᠡ᠂ ᠦᠨᠳᠦᠰᠦᠲᠡᠨ᠎ᠤ ᠪᠦᠯᠬᠦᠮᠳᠡᠯ᠂ ᠰᠣᠶᠣᠯ᠎ᠤᠨ ᠴᠡᠴᠡᠭᠯᠡᠨ ᠬᠦᠭᠵᠢᠯᠲᠡ᠂ ᠬᠢᠯᠢ ᠬᠢᠵᠠᠭ᠋ᠠᠷ᠎ᠤᠨ ᠠᠮᠤᠷ ᠲᠣᠭᠲᠠᠭᠤᠨ᠂ ᠠᠮᠢ ᠠᠬᠤᠶ ᠵᠢᠨ ᠪᠣᠯᠪᠠᠰᠤᠨ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠮᠢᠳᠤᠷᠠᠯ ᠵᠣᠯ ᠵᠢᠷᠭ᠋ᠠᠯᠲᠠᠶ ᠡᠬᠡ ᠤᠯᠤᠰ᠎ᠤᠨ ᠤᠮᠠᠷᠠᠲᠤ ᠬᠢᠯᠢ ᠵᠢᠨ ᠦᠵᠡᠮᠵᠢ ᠵᠢᠨ ᠣᠷᠣᠨ᠎ᠢ ᠨᠡᠩ ᠭᠤᠢ᠌ᠳᠠ ᠰᠠᠶ᠋ᠢᠬᠠᠨ ᠪᠤᠯᠭ᠋ᠠᠨ ᠴᠤᠭᠴᠠᠯᠠᠬᠤ ᠪᠤᠯᠤᠨ᠎ᠠ᠃
      ᠬᠥᠲᠥᠯᠥᠭᠴᠢ᠄
      ᠬᠣᠶ᠋ᠢᠰᠢᠳᠠ ᠵᠢᠨ ᠲᠠᠪᠤᠨ ᠵᠢᠯ᠎ᠳᠠᠬᠢ ᠮᠠᠨ᠎ᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠠᠷᠠᠯᠲᠠ ᠵᠢᠨ ᠱᠠᠭ᠋ᠠᠷᠳᠠᠯᠭ᠎ᠠ ᠵᠢ ᠬᠡᠷᠬᠢᠨ ᠡᠵᠡᠮᠰᠢᠬᠦ ᠪᠤᠢ?
      ᠸᠠᠩ ᠵᠢᠨ ᠪᠦᠦ᠄
      ᠥᠪᠡᠷᠲᠡᠭᠡᠨ ᠵᠠᠰᠠᠬᠤ ᠣᠷᠣᠨ᠎ᠤ 《13· 5》 ᠵᠢᠨ ᠲᠦᠯᠦᠪᠵᠢᠬᠦᠯᠭᠡ ᠪᠤᠯ ᠪᠦᠬᠦ ᠲᠠᠯ᠎ᠠ ᠪᠤᠯᠤᠨ ᠪᠠᠶ᠋ᠢᠯᠳᠤᠬᠤ ᠪᠤᠳᠤᠯᠭ᠎ᠠ ᠵᠢᠨ ᠦᠨᠳᠦᠷᠴᠡ᠎ᠠᠴᠠ᠂ ᠮᠠᠨ᠎ᠤ ᠣᠷᠣᠨ᠎ᠤ ᠠᠵᠤ ᠠᠬᠤᠶ᠂ ᠤᠯᠤᠰ ᠲᠦᠷᠦ᠂ ᠰᠣᠶᠣᠯ᠂ ᠨᠡᠶ᠋ᠢᠭᠡᠮ᠂ ᠠᠮᠢ ᠠᠬᠤᠶ ᠵᠢᠨ ᠪᠣᠯᠪᠠᠰᠤᠨ ᠵᠡᠷᠭᠡ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠠᠵᠤ ᠠᠬᠤᠶ ᠵᠢ ᠳᠤᠮᠳᠠ ᠳᠡᠭᠡᠳᠦ ᠬᠤᠷᠳᠤᠴᠠ᠎ᠪᠠᠷ ᠨᠡᠮᠡᠭᠳᠡᠬᠦᠯᠬᠦ᠂ ᠬᠥᠭᠵᠢᠯᠲᠡ ᠵᠢᠨ ᠠᠷᠭ᠎ᠠ ᠮᠠᠶᠢᠭ᠎ᠢ ᠬᠤᠪᠢᠷᠠᠭᠤᠯᠬᠤ ᠲᠠᠯ᠎ᠠ᠎ᠪᠠᠷ ᠴᠢᠬᠤᠯᠠ ᠶᠡᠬᠡ ᠰᠢᠪᠲᠤᠯᠤᠯᠲᠠ ᠭᠠᠷᠭ᠋ᠠᠬᠤ᠂ ᠠᠷᠠᠳ ᠲᠦᠮᠡᠨ᠎ᠤ ᠠᠮᠢᠳᠤᠷᠠᠯ᠎ᠤᠨ ᠲᠦᠪᠰᠢᠨ ᠪᠤᠯᠤᠨ ᠴᠢᠨᠠᠷ ᠴᠢᠨᠰᠠᠭ᠎ᠠ ᠵᠢ ᠨᠡᠶ᠋ᠢᠳᠡᠮ ᠳᠡᠭᠡᠭᠰᠢᠯᠡᠬᠦᠯᠬᠦ᠂ ᠢᠷᠭᠡᠨ᠎ᠤ ᠬᠡᠪ ᠪᠤᠯᠪᠠᠰᠤᠷᠠᠯ ᠪᠤᠯᠤᠨ ᠨᠡᠶ᠋ᠢᠭᠡᠮ᠎ᠤᠨ ᠪᠣᠯᠪᠠᠰᠤᠨ᠎ᠤ ᠬᠡᠮᠵᠢᠶ᠎ᠡ ᠵᠢ ᠢᠯᠡᠳᠲᠡ ᠳᠡᠭᠡᠭᠰᠢᠯᠡᠭᠦᠯᠬᠦ᠂ ᠠᠮᠢ ᠠᠬᠤᠶ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠵᠤ᠂ ᠡᠯ᠎ᠡ ᠲᠠᠯ᠎ᠠ ᠵᠢᠨ ᠪᠠᠶ᠋ᠢᠭᠤᠯᠤᠯ ᠲᠣᠭᠲᠠᠴᠠ ᠵᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠬᠦ ᠵᠡᠷᠭᠡ ᠵᠢᠷᠭᠤᠭ᠋ᠠᠨ ᠲᠠᠯ᠎ᠠ ᠵᠢᠨ ᠬᠥᠭᠵᠢᠯᠲᠡ ᠵᠢᠨ ᠬᠠᠷᠠᠯᠲᠠ ᠵᠢᠨ ᠱᠠᠭ᠋ᠠᠷᠳᠠᠯᠭ᠎ᠠ ᠵᠢ ᠳᠤᠷᠠᠳᠤᠨ ᠭᠠᠷᠭ᠋ᠠᠪᠠ᠃ ᠡᠳᠡᠭᠡᠷ ᠬᠥᠭᠵᠢᠯᠲᠡ ᠵᠢᠨ ᠬᠠᠷᠠᠯᠲᠠ ᠵᠢᠨ ᠱᠠᠭ᠋ᠠᠷᠳᠠᠯᠭ᠎ᠠ ᠵᠢ ᠡᠵᠡᠮᠰᠢᠬᠦ᠎ᠨᠢ ᠭᠣᠣᠯᠳᠠᠭᠤ ᠳᠣᠣᠷᠠᠬᠢ ᠬᠡᠳᠦᠨ ᠲᠠᠯ᠎ᠠ᠎ᠪᠠᠷ ᠢᠯᠡᠷᠡᠨ᠎ᠡ᠄
      ᠨᠢᠭᠡᠳᠦᠭᠡᠷ᠎ᠲᠤ᠂ ᠡᠨᠡ᠎ᠨᠢ 《ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠢ᠌ᠭᠤᠯᠬᠤ》 ᠪᠠᠶ᠋ᠢᠯᠳᠤᠬᠤ ᠪᠤᠳᠤᠯᠭ᠎ᠠ ᠵᠢᠨ ᠬᠠᠷᠠᠯᠲᠠ᠎ᠲᠠᠢ ᠬᠦᠢ᠍ᠴᠡᠳ ᠵᠤᠯᠭ᠋ᠠᠯᠳᠤᠭᠤᠯᠬᠤ ᠱᠠᠭ᠋ᠠᠷᠳᠠᠯᠭ᠎ᠠ ᠮᠦᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠨᠢ ᠠᠵᠤ ᠠᠬᠤᠶ ᠵᠢᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ᠂ ᠠᠷᠠᠳ᠎ᠤᠨ ᠠᠷᠠᠳᠴᠢᠯᠠᠯ᠎ᠢ ᠲᠠᠰᠤᠷᠠᠯᠲᠠ ᠦᠭᠡᠢ ᠦᠷᠭᠡᠳᠭᠡᠬᠦ᠂ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠲᠠᠰᠣᠷᠠᠯᠳᠠ ᠦᠭᠡᠢ ᠴᠢᠨᠭ᠌ᠭ᠋ᠠᠷᠠᠭᠤᠯᠬᠤ᠂ ᠠᠷᠠᠳ᠎ᠤᠨ ᠠᠮᠢᠳᠤᠷᠠᠯ᠎ᠤᠨ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠂ ᠡᠬᠢ ᠪᠠᠶᠠᠯᠢᠭ᠎ᠢ ᠠᠷᠪᠢᠯᠠᠬᠤ ᠬᠡᠯᠪᠡᠷᠢ ᠪᠤᠯᠤᠨ ᠣᠷᠴᠢᠨ ᠲᠤᠭᠤᠷᠢᠨ᠎ᠳᠤ ᠨᠥᠬᠥᠷᠰᠡᠭ ᠬᠡᠯᠪᠡᠷᠢ ᠵᠢᠨ ᠨᠡᠶ᠋ᠢᠭᠡᠮ᠎ᠤᠨ ᠪᠠᠶ᠋ᠢᠭᠤᠯᠤᠯᠲᠠ ᠴᠢᠬᠤᠯᠠ ᠶᠡᠬᠡ ᠠᠬᠢᠴᠠ᠎ᠲᠠᠢ ᠪᠠᠢ᠌ᠬᠤ ᠲᠠᠪᠤᠨ ᠲᠠᠯ᠎ᠠ᠎ᠪᠠᠷ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠬᠠᠷᠠᠯᠲᠠ ᠵᠢᠨ ᠱᠠᠭ᠋ᠠᠷᠳᠠᠯᠭ᠎ᠠ ᠵᠢ ᠳᠤᠷᠠᠳᠪᠠ᠃ 《ᠬᠦᠲᠦᠯᠪᠦᠷᠢ》 ᠵᠢᠨ ᠬᠠᠷᠠᠯᠲᠠ ᠵᠢᠨ ᠲᠦᠰᠦᠪ᠎ᠨᠢ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠬᠠᠷᠠᠯᠲᠠ ᠵᠢᠨ ᠰᠢᠰᠲᠸᠮᠵᠢ᠎ᠲᠠᠢ ᠵᠣᠬᠢᠴᠠᠯᠳᠤᠨ ᠵᠤᠯᠭ᠋ᠠᠯᠳᠤᠬᠤ ᠵᠢ ᠭᠦᠢ᠍ᠴᠡᠳ ᠪᠣᠳᠣᠯᠬᠢᠯᠠᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠦᠲᠦᠬᠡᠨ ᠪᠠᠢ᠌ᠭᠤᠯᠬᠤ᠎ᠳᠠᠬᠢ ᠳᠤᠪᠤᠢ᠍ᠢ᠍ᠮ᠎ᠠ ᠵᠥᠷᠢᠴᠡᠯ ᠪᠣᠯᠤᠨ ᠳᠤᠲᠠᠭᠤ ᠲᠠᠯ᠎ᠠ ᠵᠢᠨ ᠠᠰᠠᠭᠤᠳᠠᠯ᠎ᠳᠤ ᠴᠢᠭᠯᠡᠭᠦᠯᠦᠨ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠂ ᠣᠷᠣᠯᠭ᠎ᠠ ᠵᠢᠨ ᠬᠤᠪᠢᠶᠠᠷᠢᠯᠠᠯᠲᠠ ᠵᠢᠨ ᠵᠥᠷᠢᠶ᠎ᠡ ᠵᠢ ᠪᠠᠭ᠋ᠠᠰᠬᠠᠬᠤ᠂ ᠶᠠᠳᠠᠭᠤ ᠬᠦᠴᠢᠷᠳᠡᠯᠲᠡᠶ ᠬᠥᠮᠦᠨ ᠠᠮᠠ ᠵᠢ ᠬᠠᠪᠰᠤᠷᠴᠤ ᠶᠠᠳᠠᠭᠤ᠎ᠠᠴᠠ ᠠᠨᠭ᠌ᠬᠢᠵᠢᠷᠠᠭᠤᠯᠬᠤ᠂ ᠢᠷᠭᠡᠨ᠎ᠤ ᠬᠡᠪ ᠪᠤᠯᠪᠠᠰᠤᠷᠠᠯ ᠪᠤᠯᠤᠨ ᠨᠡᠶ᠋ᠢᠭᠡᠮ᠎ᠤᠨ ᠪᠣᠯᠪᠠᠰᠤᠨ᠎ᠤ ᠬᠡᠮᠵᠢᠶ᠎ᠡ ᠵᠢ ᠳᠡᠭᠡᠭᠰᠢᠯᠡᠭᠦᠯᠬᠦ᠂ ᠠᠮᠢ ᠠᠬᠤᠶ ᠵᠢᠨ ᠣᠷᠴᠢᠨ ᠲᠤᠭᠤᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ ᠵᠡᠷᠭᠡ ᠲᠠᠯ᠎ᠠ ᠵᠢ ᠪᠠᠭᠲᠠᠭ᠋ᠠᠭᠰᠠᠨ ᠬᠡᠷᠡᠭᠵᠢᠬᠦᠯᠦᠰᠢᠲᠠᠢ ᠬᠠᠷᠠᠯᠲᠠ ᠪᠣᠯᠤᠨ ᠱᠠᠭ᠋ᠠᠷᠳᠠᠯᠭ᠎ᠠ ᠵᠢ ᠪᠤᠳᠠᠲᠠᠢ᠎ᠪᠠᠷ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠂ ᠤᠯᠤᠰ ᠲᠦᠷᠦ᠂ ᠰᠣᠶᠣᠯ᠂ ᠨᠡᠶ᠋ᠢᠭᠡᠮ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠬᠤ᠎ᠳᠤ ᠲᠤᠰᠠᠲᠠᠶ ᠪᠠᠢ᠌ᠬᠤ ᠵᠢᠨ ᠬᠠᠮᠲᠤ᠂ ᠪᠦᠲᠦᠮᠵᠢᠲᠡᠶ᠎ᠪᠠᠷ ᠬᠦᠴᠦᠨ ᠵᠶ᠋ᠠᠨ ᠲᠥᠪᠯᠡᠷᠡᠭᠦᠯᠦᠨ᠂ ᠳᠤᠲᠠᠭᠤᠳᠠᠯ᠎ᠢ ᠨᠦᠬᠦᠪᠦᠷᠢᠯᠡᠨ᠂ ᠲᠡᠩᠴᠡᠭᠦᠷᠢᠲᠡᠶ ᠪᠠᠢ᠌ᠯᠭ᠋ᠠᠵᠤ᠂ ᠦᠷᠭᠦᠯᠵᠢᠯᠡᠬᠦ ᠬᠥᠭᠵᠢᠯᠲᠡ ᠵᠢ ᠠᠬᠢᠭᠤᠯᠵᠤ᠂ ᠠᠷᠠᠳ ᠤᠯᠠᠨ᠎ᠤ ᠰᠡᠳᠬᠢᠯ ᠬᠠᠨᠤᠮᠵᠢᠲᠠᠶ ᠶᠠᠰᠤ ᠴᠢᠨᠠᠷ ᠰᠠᠶ᠋ᠢᠲᠠᠶ ᠪᠦᠬᠦ ᠲᠠᠯ᠎ᠠ᠎ᠪᠠᠷ ᠴᠢᠨᠡᠭᠡᠯᠢᠭᠵᠢᠭᠰᠡᠨ ᠨᠡᠶ᠋ᠢᠭᠡᠮ᠎ᠢ ᠦᠨᠡᠨ ᠬᠦ᠌ ᠪᠠᠶ᠋ᠢᠭᠤᠯᠬᠤ ᠪᠤᠯᠤᠨ᠎ᠠ᠃
      ᠬᠣᠶᠠᠳᠤᠭ᠋ᠠᠷ᠎ᠲᠤ᠂ ᠡᠨᠡ᠎ᠨᠢ 《ᠳᠥᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢᠨ ᠬᠠᠷᠠᠯᠲᠠ ᠵᠢᠨ ᠱᠠᠭ᠋ᠠᠷᠳᠠᠯᠭ᠎ᠠ ᠮᠦᠨ᠃ 《ᠬᠦᠲᠦᠯᠪᠦᠷᠢ》 ᠵᠢᠨ ᠬᠠᠷᠠᠯᠲᠠ᠎ᠨᠢ 《ᠳᠥᠷᠪᠡᠨ ᠪᠦᠬᠦ ᠲᠠᠯ᠎ᠠ》 ᠵᠢᠨ ᠣᠨᠣᠯᠵᠢᠬᠤᠨ᠎ᠢ ᠰᠢᠮᠡᠳᠭᠡᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠢ᠌ᠭᠤᠯᠬᠤ ᠬᠠᠮᠢᠶ᠎ᠠ ᠪᠦᠬᠦᠢ ᠬᠠᠷᠠᠯᠲᠠ ᠵᠢ ᠳᠤᠷᠠᠳᠤᠭᠰᠠᠨ᠎ᠠᠴᠠ ᠭᠠᠳᠠᠨ᠎ᠠ᠂ ᠰᠢᠨ᠎ᠡ ᠬᠠᠷᠠᠯᠲᠠ ᠵᠢᠨ ᠱᠠᠭ᠋ᠠᠷᠳᠠᠯᠭ᠎ᠠ ᠳᠤᠮᠳᠠ ᠪᠠᠰᠠ 《ᠡᠯ᠎ᠡ ᠲᠠᠯ᠎ᠠ ᠵᠢᠨ ᠪᠠᠶ᠋ᠢᠭᠤᠯᠤᠯ ᠲᠣᠭᠲᠠᠴᠠ ᠵᠢ ᠤᠯᠠᠮ ᠪᠦᠷᠢᠨᠰᠢᠭᠦᠯᠦᠨ ᠲᠡᠭᠦᠯᠳᠡᠷᠵᠢᠬᠦᠯᠬᠦ》 ᠬᠠᠷᠠᠯᠲᠠ᠎ᠨᠤᠭᠤᠳ᠎ᠤᠨ ᠱᠠᠭ᠋ᠠᠷᠳᠠᠯᠭ᠎ᠠ ᠵᠢ ᠴᠤ᠌ ᠳᠤᠷᠠᠳᠴᠤ᠂ ᠭᠣᠣᠯᠳᠠᠯᠭ᠎ᠠ᠎ᠲᠠᠢ ᠬᠦᠷᠢᠶ᠎ᠡ ᠪᠤᠯᠤᠨ ᠵᠠᠩᠭᠢᠯᠠᠭ᠎ᠠ ᠵᠢᠨ ᠭᠣᠭᠴᠣᠭ᠎ᠠ ᠵᠢᠨ ᠥᠭᠡᠷᠡᠴᠢᠯᠡᠯᠲᠡ᠎ᠳᠤ   ᠰᠢᠢ᠍ᠳᠪᠦᠷᠢᠯᠡᠭᠴᠢ ᠴᠢᠨᠠᠷᠲᠠᠶ ᠦᠷ᠎ᠡ ᠪᠦᠲᠦᠭᠡᠯ ᠤᠯᠬᠤ ᠵᠢ ᠲᠥᠯᠬᠢᠨ ᠠᠬᠢᠭᠤᠯᠵᠤ᠂ ᠠᠷᠠᠳ᠎ᠤᠨ ᠠᠷᠠᠳᠴᠢᠯᠠᠯ ᠨᠡᠡᠭ ᠲᠡᠭᠦᠯᠳᠡᠷᠵᠢᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ ᠦᠨᠳᠦᠰᠦᠨ᠎ᠳᠡᠭᠡᠨ ᠪᠠᠢ᠌ᠭᠤᠯᠤᠭᠳᠠᠵᠤ᠂ ᠨᠡᠶ᠋ᠢᠭᠡᠮ᠎ᠤᠨ ᠦᠢ᠍ᠯᠡᠳᠪᠦᠷᠢᠯᠡᠯ᠎ᠤᠨ ᠬᠦᠴᠦᠨ ᠢᠯᠡᠳᠲᠡ ᠬᠦᠭᠵᠢᠭᠰᠡᠨ᠂ ᠠᠷᠠᠳ᠎ᠤᠨ ᠠᠮᠢᠳᠤᠷᠠᠯ᠎ᠤᠨ ᠲᠦᠪᠰᠢᠨ ᠢᠯᠡᠳᠲᠡ ᠳᠡᠭᠡᠭᠰᠢᠯᠡᠭᠰᠡᠨ᠂ ᠪᠠᠶ᠋ᠢᠭᠤᠯᠤᠯ ᠲᠣᠭᠲᠠᠴᠠ ᠠᠯᠬᠤᠮ ᠠᠯᠬᠤᠮ ᠵᠶ᠋ᠠᠷ ᠲᠡᠭᠦᠯᠳᠡᠷᠵᠢᠨ᠂ ᠡᠯ᠎ᠡ ᠵᠦᠢ᠍ᠯ᠎ᠤᠨ ᠪᠠᠶ᠋ᠢᠭᠤᠯᠤᠯ ᠤᠯᠠᠮ ᠲᠡᠭᠦᠯᠳᠡᠷᠵᠢᠭᠰᠡᠨ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠢ᠌ᠭᠤᠯᠬᠤ ᠪᠤᠯᠤᠨ᠎ᠠ᠃
      ᠭᠤᠷᠪᠠᠳᠤᠭ᠋ᠠᠷ᠎ᠲᠤ᠂ ᠡᠨᠡ᠎ᠨᠢ 《8337》 ᠬᠥᠭᠵᠢᠯᠲᠡ ᠵᠢᠨ ᠰᠡᠳᠬᠢᠮᠵᠢ᠎ᠪᠠᠷ ᠵᠢᠯᠣᠭᠣᠳᠣᠯᠭ᠎ᠠ ᠪᠤᠯᠭ᠋ᠠᠭᠰᠠᠨ ᠬᠠᠷᠠᠯᠲᠠ ᠵᠢᠨ ᠱᠠᠭ᠋ᠠᠷᠳᠠᠯᠭ᠎ᠠ ᠮᠦᠨ᠃ 《ᠬᠦᠲᠦᠯᠪᠦᠷᠢ》 ᠵᠢᠨ ᠬᠠᠷᠠᠯᠲᠠ᠎ᠨᠢ ᠡᠬᠡ ᠤᠯᠤᠰ᠎ᠤᠨ ᠤᠮᠠᠷᠠᠲᠤ ᠬᠢᠯᠢ ᠵᠢᠨ ᠵᠢᠷᠭᠤᠭ᠋ᠠᠨ ᠦᠵᠡᠮᠵᠢ ᠵᠢᠨ ᠣᠷᠣᠨ ᠪᠦᠰᠡ ᠵᠢ ᠨᠡᠩ ᠰᠠᠶ᠋ᠢᠬᠠᠨ ᠪᠤᠯᠭ᠋ᠠᠨ ᠴᠤᠭᠴᠠᠯᠠᠬᠤ᠎ᠲᠠᠢ ᠨᠢᠭᠲᠠ ᠤᠶᠠᠯᠳᠤᠭᠤᠯᠤᠨ᠂ 《ᠲᠠᠪᠤᠨ ᠶᠡᠬᠡ ᠰᠠᠭᠤᠷᠢᠨ ᠭᠠᠵᠠᠷ》᠎ᠤᠨ ᠪᠠᠶ᠋ᠢᠭᠤᠯᠤᠯᠲᠠ ᠵᠢ ᠭᠦᠨᠵᠡᠭᠡᠶ ᠲᠦᠯᠬᠢᠨ ᠠᠬᠢᠭᠤᠯᠬᠤ᠂ ᠠᠵᠤ ᠠᠬᠤᠶ ᠵᠢᠨ ᠬᠥᠭᠵᠢᠯᠲᠡ ᠵᠢᠨ ᠠᠷᠭ᠎ᠠ ᠮᠠᠶᠢᠭ᠎ᠢ ᠲᠦᠷᠭᠡᠳᠭᠡᠨ ᠬᠤᠪᠢᠷᠠᠭᠤᠯᠬᠤ᠂ ᠤᠯᠠᠨ ᠡᠰᠢᠲᠦ ᠬᠥᠭᠵᠢᠯᠲᠡ ᠪᠤᠯᠤᠨ ᠤᠯᠠᠨ ᠲᠤᠶ᠋ᠢᠯᠰᠢᠷᠠᠯ ᠵᠶ᠋ᠠᠷ ᠲᠤᠯᠭ᠋ᠠᠭᠤᠷᠢᠯᠠᠭᠰᠠᠨ ᠤᠳᠤ ᠦᠶ᠎ᠡ ᠵᠢᠨ ᠠᠵᠤ ᠦᠢ᠍ᠯᠡᠰ᠎ᠤᠨ ᠰᠢᠰᠲᠸᠮᠵᠢ ᠵᠢ ᠪᠠᠢ᠌ᠭᠤᠯᠬᠤ᠂ ᠬᠤᠳᠠ ᠬᠥᠳᠡᠭᠡ ᠵᠢᠨ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠵᠢ ᠠᠬᠢᠭᠤᠯᠬᠤ᠂ ᠰᠣᠶᠣᠯ᠎ᠤᠨ ᠴᠡᠴᠡᠭᠯᠡᠯᠲᠡ ᠵᠢ ᠠᠬᠢᠭᠤᠯᠬᠤ ᠵᠡᠷᠭᠡ ᠲᠠᠯ᠎ᠠ᠎ᠪᠠᠷ ᠵᠣᠬᠢᠰᠲᠠᠶ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠴᠢᠨᠠᠷ ᠴᠢᠨᠰᠠᠭ᠎ᠠ ᠪᠤᠯᠤᠨ ᠦᠷ᠎ᠡ ᠠᠰᠢᠭ᠎ᠢ ᠬᠠᠷᠠᠭᠤᠯᠬᠤ ᠬᠠᠷᠠᠯᠲᠠ ᠵᠢᠨ ᠱᠠᠭ᠋ᠠᠷᠳᠠᠯᠭ᠎ᠠ ᠳᠤᠷᠠᠳᠤᠭᠰᠠᠨ ᠪᠤᠯᠬᠤᠷ ᠥᠪᠥᠷ ᠮᠣᠩᠭᠣᠯ᠎ᠤᠨ ᠣᠨᠴᠠᠯᠢᠭ ᠪᠦᠬᠦᠢ ᠰᠢᠨᠵᠢᠯᠡᠬᠦ ᠤᠬᠠᠭ᠋ᠠᠨᠴᠢ᠂ ᠵᠦᠢ ᠵᠣᠬᠢᠰᠲᠠᠶ ᠬᠠᠷᠠᠯᠲᠠ ᠵᠢᠨ ᠰᠢᠰᠲᠸᠮᠵᠢ ᠪᠤᠯᠤᠨ᠎ᠠ᠃
      ᠳᠥᠷᠪᠡᠳᠦᠭᠡᠷ᠎ᠲᠤ᠂ ᠡᠨᠡ᠎ᠨᠢ ᠴᠠᠭ ᠦᠶ᠎ᠡ ᠵᠢᠨ ᠬᠥᠭᠵᠢᠯᠲᠡ ᠵᠢᠨ ᠬᠠᠨᠳᠤᠰᠢ᠎ᠲᠠᠢ ᠵᠤᠬᠢᠴᠠᠭᠰᠠᠨ ᠬᠠᠷᠠᠯᠲᠠ ᠵᠢᠨ ᠱᠠᠭ᠋ᠠᠷᠳᠠᠯᠭ᠎ᠠ ᠮᠦᠨ᠃ 《ᠬᠦᠲᠦᠯᠪᠦᠷᠢ》 ᠵᠢᠨ ᠬᠠᠷᠠᠯᠲᠠ ᠵᠢ ᠲᠤᠭᠲᠠᠭ᠋ᠠᠭᠰᠠᠨ᠎ᠨᠢ᠂ ᠣᠳᠣᠬᠠᠨ᠎ᠤ ᠠᠵᠤ ᠠᠬᠤᠶ ᠵᠢᠨ ᠬᠥᠭᠵᠢᠯᠲᠡ ᠵᠢᠨ ᠬᠠᠨᠳᠤᠰᠢ ᠪᠤᠯᠤᠨ ᠤᠷᠤᠰᠬᠠᠯ᠎ᠲᠠᠢ ᠭᠦᠢ᠍ᠴᠡᠳ ᠨᠡᠢ᠌ᠴᠡᠵᠤ᠂ ᠥᠪᠥᠷ ᠮᠣᠩᠭᠣᠯ᠎ᠤᠨ ᠪᠣᠳᠠᠲᠤ ᠪᠠᠶ᠋ᠢᠳᠠᠯ᠎ᠳᠤ ᠰᠠᠭᠤᠷᠢᠯᠠᠨ᠂ ᠥᠪᠥᠷ ᠮᠣᠩᠭᠣᠯ᠎ᠤᠨ ᠠᠵᠤ ᠠᠬᠤᠶ ᠨᠡᠶ᠋ᠢᠭᠡᠮ᠎ᠤᠨ ᠦᠷᠭᠦᠯᠵᠢᠯᠡᠨ ᠬᠥᠭᠵᠢᠬᠦ ᠵᠢ ᠬᠢᠵᠠᠭ᠋ᠠᠷᠯᠠᠬᠤ ᠪᠠ ᠨᠦᠯᠦᠭᠡᠯᠡᠬᠦ᠎ᠪᠠᠷ ᠭᠤᠤᠯᠯᠠᠭᠰᠠᠨ ᠪᠦᠲᠦᠴᠡ ᠵᠢᠨ ᠴᠢᠨᠠᠷᠲᠠᠶ ᠵᠥᠷᠢᠴᠡᠯ ᠵᠶ᠋ᠠᠷ ᠦᠨᠳᠦᠰᠦᠯᠡᠯ ᠪᠤᠯᠭ᠋ᠠᠨ᠂ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠬᠦ᠎ᠪᠠᠷ ᠬᠥᠭᠵᠢᠯᠲᠡ ᠵᠢᠨ ᠬᠥᠳᠡᠯᠭᠡᠬᠦ ᠬᠦᠴᠦᠨ ᠪᠣᠯᠭ᠋ᠠᠵᠤ᠂ ᠬᠥᠭᠵᠢᠯᠲᠡ ᠵᠢᠨ ᠠᠷᠭ᠎ᠠ ᠮᠠᠶᠢᠭ᠎ᠢ ᠬᠤᠪᠢᠷᠠᠭᠤᠯᠬᠤ ᠪᠠ ᠰᠢᠨ᠎ᠡ ᠵᠢ ᠡᠭᠦᠳᠬᠦ ᠲᠦᠪᠰᠢᠨ᠎ᠢ ᠳᠡᠭᠡᠭᠰᠢᠯᠡᠭᠦᠯᠬᠦ ᠬᠠᠷᠠᠯᠲᠠ ᠵᠢ ᠴᠢᠬᠤᠯᠠ ᠪᠠᠶ᠋ᠢᠷᠢᠨ᠎ᠳᠤ ᠲᠠᠯᠪᠢᠵᠤ᠂ ᠪᠦᠬᠦ ᠣᠷᠣᠨ᠎ᠤ ᠠᠵᠤ ᠠᠬᠤᠶ ᠨᠡᠶ᠋ᠢᠭᠡᠮ᠎ᠤᠨ ᠪᠦᠬᠦ ᠲᠠᠯ᠎ᠠ ᠵᠢᠨ ᠬᠥᠭᠵᠢᠯᠲᠡ᠎ᠳᠤ ᠤᠷᠳᠤ ᠬᠤᠭᠤᠴᠠᠭ᠎ᠠ ᠪᠠ ᠬᠦᠴᠦᠷᠬᠡᠭ ᠶᠡᠬᠡ ᠬᠥᠳᠡᠯᠭᠡᠬᠦ ᠬᠦᠴᠦᠨ᠎ᠤ ᠳᠡᠮᠵᠢᠯᠭᠡ ᠦᠵᠡᠭᠦᠯᠬᠦ ᠪᠤᠯᠤᠨ᠎ᠠ᠃
      ᠬᠥᠲᠥᠯᠥᠭᠴᠢ᠄
      ᠮᠠᠨ᠎ᠤ ᠣᠷᠣᠨ᠎ᠤ 《13· 5》 ᠵᠢᠨ ᠲᠥᠯᠥᠪᠵᠢᠭᠦᠯᠭᠡ ᠵᠢᠨ 《ᠬᠦᠲᠦᠯᠪᠦᠷᠢ》 ᠵᠢᠨ ᠭᠣᠣᠯ ᠭᠦᠢ᠍ᠴᠡᠳᠬᠡᠯ ᠲᠣᠭ᠎ᠠ ᠵᠢ ᠶᠠᠮᠠᠷ ᠵᠠᠷᠴᠢᠮ ᠵᠶ᠋ᠠᠷ ᠲᠣᠭᠲᠠᠭ᠋ᠠᠭᠰᠠᠨ ᠪᠤᠢ?
      ᠸᠠᠩ ᠵᠢᠨ ᠪᠦᠦ᠄
      ᠭᠣᠣᠯ ᠭᠦᠢ᠍ᠴᠡᠳᠬᠡᠯ ᠲᠣᠭ᠎ᠠ ᠵᠢ ᠲᠤᠭᠲᠠᠭ᠋ᠠᠬᠤ ᠲᠠᠯ᠎ᠠ᠎ᠪᠠᠷ᠂ 《ᠬᠦᠲᠦᠯᠪᠦᠷᠢ》᠎ᠨᠢ ᠲᠥᠪ ᠪᠤᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠪᠦᠬᠦ ᠲᠠᠯ᠎ᠠ᠎ᠪᠠᠷ ᠲᠤᠤᠱᠯᠠᠭᠤᠯᠵᠤ᠂ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠲᠠᠪᠤᠳᠤᠭ᠋ᠠᠷ ᠪᠥᠬᠥᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠶᠢᠰᠦᠳᠦᠭᠡᠷ ᠬᠤᠭᠤᠴᠠᠭ᠋ᠠᠨ᠎ᠤ ᠠᠷᠪᠠᠨ ᠳᠥᠷᠪᠡᠳᠦᠭᠡᠷ ᠤᠳᠠᠭ᠋ᠠᠨ᠎ᠤ ᠪᠦᠬᠦ ᠭᠡᠰᠢᠭᠦᠳ᠎ᠤᠨ ᠬᠤᠷᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠬᠥᠭᠵᠢᠭᠡᠳᠦᠶ ᠤᠷᠤᠨ᠎ᠤ ᠦᠨᠳᠦᠰᠦᠨ ᠪᠠᠶ᠋ᠢᠳᠠᠯ᠎ᠳᠤ ᠰᠠᠭᠤᠷᠢᠯᠠᠨ᠂ ᠬᠥᠭᠵᠢᠯᠲᠡ ᠵᠢᠨ ᠲᠡᠷᠢᠭᠦᠨ ᠴᠢᠬᠤᠯᠠ ᠡᠭᠦᠷᠭᠡ ᠪᠤᠯᠤᠨ ᠰᠢᠨ᠎ᠡ ᠵᠢ ᠡᠭᠦᠳᠬᠦ᠂ ᠵᠣᠬᠢᠴᠠᠭᠤᠯᠬᠤ᠂ ᠪᠤᠬᠢᠷᠳᠤᠯ ᠦᠭᠡᠢ ᠪᠠᠢ᠌ᠬᠤ᠂ ᠨᠡᠭᠡᠭᠡᠯᠳᠡ ᠬᠢᠬᠦ᠂ ᠬᠠᠮᠲᠤ᠎ᠪᠠᠷ ᠡᠳ᠋ᠯᠡᠬᠦ ᠲᠠᠪᠤᠨ ᠶᠡᠬᠡ ᠬᠥᠭᠵᠢᠯᠲᠡ ᠵᠢᠨ ᠤᠨᠤᠯᠵᠢᠬᠤᠨ᠎ᠢ ᠴᠢᠩᠭ᠎ᠠ ᠠᠳᠬᠤᠵᠤ᠂ ᠵᠢᠷᠭᠤᠭ᠋ᠠᠨ ᠲᠠᠯ᠎ᠠ ᠵᠢᠨ 35 ᠵᠦᠢ᠍ᠯ᠎ᠤᠨ ᠬᠦᠢ᠍ᠴᠡᠳᠭᠡᠯ ᠲᠣᠭ᠎ᠠ (ᠬᠢᠵᠠᠭ᠋ᠠᠷᠯᠠᠬᠤ ᠴᠢᠨᠠᠷᠲᠠᠶ 15 ᠵᠦᠢ᠍ᠯ᠂ ᠵᠢᠱ᠌ᠢᠯᠲᠡ ᠵᠢᠨ ᠴᠢᠨᠠᠷ᠎ᠲᠠᠢ 20 ᠵᠦᠢ᠍ᠯ)᠎ᠢ ᠳᠤᠷᠠᠳᠤᠨ ᠭᠠᠷᠭ᠋ᠠᠪᠠ᠂ ᠡᠭᠦᠨ᠎ᠳᠤ ᠶᠡᠷᠦᠩᠬᠡᠶ᠋ᠢᠯᠡᠭᠰᠡᠨ ᠠᠵᠤ ᠠᠬᠤᠶ ᠵᠢᠨ ᠬᠦᠢ᠍ᠴᠡᠳᠭᠡᠯ ᠲᠣᠭ᠎ᠠ 6 ᠵᠦᠢ᠍ᠯ᠂ ᠰᠢᠨ᠎ᠡ ᠵᠢ ᠡᠭᠦᠳᠬᠦ ᠬᠥᠭᠵᠢᠯᠲᠡ ᠵᠢᠨ ᠭᠦᠢ᠍ᠴᠡᠳᠬᠡᠯ ᠲᠣᠭ᠎ᠠ 7 ᠵᠦᠢ᠍ᠯ᠂ ᠪᠣᠬᠢᠷᠲᠤᠯ ᠦᠭᠡᠢ ᠬᠥᠭᠵᠢᠯᠲᠡ ᠵᠢᠨ ᠭᠦᠢ᠍ᠴᠡᠳᠬᠡᠯ ᠲᠣᠭ᠎ᠠ 10 ᠵᠦᠢ᠍ᠯ᠂ ᠨᠡᠭᠡᠭᠡᠯᠲᠡᠲᠦ ᠬᠥᠭᠵᠢᠯᠲᠡ ᠵᠢᠨ ᠭᠦᠢ᠍ᠴᠡᠳᠬᠡᠯ ᠲᠣᠭ᠎ᠠ 2 ᠵᠦᠢ᠍ᠯ᠂ ᠬᠠᠮᠲᠤ᠎ᠪᠠᠷ ᠡᠳ᠋ᠯᠡᠬᠦ ᠬᠥᠭᠵᠢᠯᠲᠡ ᠵᠢᠨ ᠭᠦᠢ᠍ᠴᠡᠳᠬᠡᠯ ᠲᠣᠭ᠎ᠠ 10 ᠵᠦᠢ᠍ᠯ ᠪᠤᠯᠤᠨ᠎ᠠ᠃   ᠬᠦᠢ᠍ᠴᠡᠳᠭᠡᠯ ᠲᠣᠭ᠎ᠠ ᠵᠢ ᠰᠤᠳᠤᠯᠤᠨ ᠲᠤᠭᠲᠠᠭ᠋ᠠᠬᠤ ᠶᠠᠪᠤᠴᠠ᠎ᠳᠤ ᠭᠣᠣᠯᠳᠠᠭᠤ ᠳᠣᠣᠷᠠᠬᠢ ᠮᠡᠲᠦ ᠳᠥᠷᠪᠡᠨ ᠭᠣᠣᠯᠳᠠᠯᠭ᠎ᠠ ᠵᠢ ᠠᠳᠬᠤᠪᠠ᠄ ᠨᠢᠭᠡ᠎ᠳᠤ ᠰᠢᠨ᠎ᠡ ᠬᠡᠪ ᠪᠠᠶ᠋ᠢᠳᠠᠯ᠎ᠢ ᠲᠠᠨᠢᠬᠤ᠂ ᠰᠢᠨ᠎ᠡ ᠬᠡᠪ ᠪᠠᠢ᠌ᠳᠠᠯ᠎ᠳᠤ ᠵᠤᠬᠢᠴᠠᠬᠤ᠂ ᠰᠢᠨ᠎ᠡ ᠬᠡᠪ ᠪᠠᠢ᠌ᠳᠠᠯ᠎ᠢ ᠬᠥᠲᠥᠯᠥᠨ ᠳᠠᠭ᠋ᠠᠭᠤᠯᠬᠤ ᠵᠢ ᠪᠠᠲᠤ ᠡᠵᠡᠮᠰᠢᠨ᠎ᠡ᠃ ᠬᠠᠮᠢᠶ᠎ᠠ ᠪᠦᠬᠦᠢ ᠬᠦᠢ᠍ᠴᠡᠳᠭᠡᠯ ᠲᠣᠭ᠎ᠠ ᠵᠢ ᠪᠠᠭᠤᠯᠭ᠋ᠠᠬᠤ᠎ᠳᠠᠭᠠᠨ ᠨᠡᠮᠡᠭᠳᠡᠯ᠎ᠢ ᠲᠣᠭᠲᠠᠪᠤᠷᠢᠵᠢᠭᠤᠯᠬᠤ᠂ ᠠᠷᠭ᠎ᠠ ᠮᠠᠶᠢᠭ᠂ ᠬᠡᠷᠡᠭᠴᠡᠭᠡ ᠵᠢ ᠬᠤᠪᠢᠷᠠᠭᠤᠯᠬᠤ ᠪᠠ ᠪᠣᠯᠤᠯᠴᠠᠭ᠎ᠠ᠎ᠯᠤᠭ᠎ᠠ ᠵᠢᠨ ᠬᠠᠷᠢᠴᠠᠭ᠎ᠠ ᠵᠢ ᠭᠦᠢ᠍ᠴᠡᠳ ᠵᠢᠱ᠌ᠢᠵᠦ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠰᠢᠨ᠎ᠡ ᠬᠡᠪ ᠪᠠᠶ᠋ᠢᠳᠠᠯ ᠳᠣᠣᠷ᠎ᠠ ᠠᠵᠤ ᠠᠬᠤᠶ ᠵᠢᠨ ᠨᠡᠮᠡᠭᠳᠡᠯ᠎ᠤᠨ ᠬᠦᠭ ᠠᠶᠠᠰ ᠬᠤᠪᠢᠷᠠᠭᠰᠠᠨ ᠴᠤ᠌ ᠬᠤᠷᠳᠤᠴᠠ ᠬᠤᠪᠢᠷᠠᠬᠤ ᠦᠭᠡᠢ ᠪᠠᠶ᠋ᠢᠬᠤ ᠵᠢ ᠦᠨᠡᠨ ᠬᠦ᠌ ᠪᠠᠲᠤᠯᠠᠵᠤ᠂ ᠭᠣᠣᠯ ᠭᠦᠢ᠍ᠴᠡᠳᠬᠡᠯ ᠲᠣᠭ᠎ᠠ ᠵᠢᠨ ᠪᠦᠬᠦ ᠤᠯᠤᠰ᠎ᠲᠠᠬᠢ   ᠪᠠᠢ᠌ᠷᠢ ᠵᠢ ᠳᠤᠷᠤᠭᠰᠢᠯᠠᠭᠤᠯᠬᠤ ᠦᠭᠡᠢ ᠪᠠᠢ᠌ᠯᠭ᠋ᠠᠵᠤ᠂ ᠡᠷᠴᠢ ᠵᠣᠷᠢᠭ ᠵᠶ᠋ᠠᠨ ᠬᠦᠪᠴᠢᠯᠡᠨ᠂ ᠠᠷᠭ᠎ᠠ ᠮᠠᠶᠢᠭ ᠵᠶ᠋ᠠᠨ ᠬᠤᠪᠢᠷᠠᠭᠤᠯᠬᠤ᠎ᠳᠤ ᠣᠷᠣᠨ ᠵᠠᠶ ᠦᠯᠡᠳᠡᠭᠡᠨ ᠥᠭᠴᠦ᠂ ᠰᠢᠨ᠎ᠡ ᠵᠢ ᠡᠭᠦᠳᠬᠦ ᠬᠥᠭᠵᠢᠯᠲᠡ᠂ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠵᠤ᠂ ᠬᠥᠭᠵᠢᠯᠲᠡ ᠵᠢᠨ ᠬᠥᠳᠡᠯᠭᠡᠭᠴᠢ ᠬᠦᠴᠦᠨ᠎ᠢ ᠬᠤᠪᠢᠷᠠᠭᠤᠯᠵᠤ᠂ ᠭᠤᠷᠪᠠᠨ ᠠᠵᠤ ᠦᠢ᠍ᠯᠡᠰ᠎ᠤᠨ ᠵᠣᠬᠢᠴᠠᠩᠭᠤᠶ ᠬᠥᠭᠵᠢᠯᠲᠡ ᠵᠢ ᠬᠥᠲᠥᠯᠥᠨ ᠵᠢᠯᠣᠭᠣᠳᠴᠤ᠂ 《ᠭᠤᠷᠪᠠᠨ ᠲᠡᠷᠭᠡ》 ᠵᠢᠨ ᠵᠣᠬᠢᠴᠠᠩᠭᠤᠶ ᠲᠠᠲᠠᠯᠲᠠ ᠵᠢ ᠠᠬᠢᠭᠤᠯᠵᠤ᠂ ᠲᠣᠭᠲᠠᠭᠤᠨ᠎ᠤ ᠳᠤᠮᠳᠠ ᠠᠬᠢᠭᠤᠯᠵᠤ᠂ ᠬᠤᠪᠢᠷᠠᠭᠤᠯᠬᠤ ᠳᠤᠮᠳᠠ ᠨᠡᠮᠡᠭᠳᠡᠬᠦᠯᠬᠦ ᠪᠤᠯᠤᠨ᠎ᠠ; ᠬᠣᠶᠠᠷ᠎ᠲᠤ ᠬᠠᠮᠲᠤ᠎ᠪᠠᠷ ᠡᠳ᠋ᠯᠡᠬᠦ ᠬᠥᠭᠵᠢᠯᠲᠡ ᠵᠢ ᠭᠦᠢ᠍ᠴᠡᠳ ᠬᠠᠷᠠᠭᠤᠯᠪᠠ᠃ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠵᠢ ᠨᠡᠩ ᠢᠯᠡᠭᠦᠦ ᠴᠢᠬᠤᠯᠠᠴᠢᠯᠠᠵᠤ᠂ ᠠᠷᠠᠳ᠎ᠤᠨ ᠠᠮᠢᠳᠤᠷᠠᠯ᠎ᠤᠨ ᠲᠠᠯ᠎ᠠ᠎ᠪᠠᠷ᠎ᠬᠢ ᠭᠦᠢ᠍ᠴᠡᠳᠬᠡᠯ ᠲᠣᠭ᠎ᠠ ᠵᠢ ᠵᠦᠢ ᠵᠣᠬᠢᠰᠲᠠᠶ ᠨᠡᠮᠡᠭᠳᠡᠭᠦᠯᠵᠦ᠂ ᠢᠯᠠᠩᠭᠤᠶ᠎ᠠ ᠣᠷᠣᠯᠭ᠎ᠠ ᠵᠢᠨ ᠲᠠᠯ᠎ᠠ᠎ᠪᠠᠷ 《ᠬᠣᠶᠠᠷ ᠢᠵᠢᠯᠢ ᠠᠯᠬᠤᠮ》᠎ᠢ ᠪᠠᠷᠢᠮᠲᠠᠯᠠᠵᠤ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠤᠨ ᠬᠤᠷᠳᠤᠴᠠ᠎ᠨᠢ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠨᠭᠭᠡᠢ ᠥᠷᠲᠡᠭ᠎ᠤᠨ ᠨᠡᠮᠡᠭᠳᠡᠯ᠎ᠤᠨ ᠬᠤᠷᠳᠤᠴᠠ᠎ᠠᠴᠠ ᠳᠡᠭᠡᠭᠦᠷ ᠪᠠᠢ᠌ᠯᠭ᠋ᠠᠬᠤ ᠵᠢ ᠳᠤᠷᠠᠳᠴᠤ᠂   ᠦᠨᠳᠦᠰᠦᠲᠡᠨ᠎ᠨᠦᠭᠦᠳ᠎ᠤᠨ ᠠᠷᠠᠳ ᠲᠦᠮᠡᠨ ᠬᠥᠭᠵᠢᠯᠲᠡ ᠵᠢᠨ ᠦᠷ᠎ᠡ ᠪᠦᠲᠦᠭᠡᠯ᠎ᠢ ᠬᠠᠮᠲᠤᠪᠠᠷ ᠡᠳ᠋ᠯᠡᠬᠦ ᠵᠢ ᠦᠨᠡᠨ ᠬᠦ᠌ ᠪᠠᠲᠤᠯᠠᠵᠤ᠂ ᠬᠦᠭᠵᠢᠯᠲᠡ ᠵᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠳᠤᠮᠳᠠ ᠨᠡᠩ ᠶᠡᠬᠡ ᠬᠠᠨᠤᠮᠵᠢ᠎ᠲᠠᠢ ᠪᠠᠢ᠌ᠬᠤ ᠶᠠᠪᠤᠳᠠᠯ ᠪᠤᠯᠤᠨ᠎ᠠ; ᠭᠤᠷᠪᠠ᠎ᠳᠤ ᠴᠢᠨᠡᠭᠡᠯᠢᠭ ᠨᠡᠢ᠌ᠭᠡᠮ᠎ᠤᠨ 《ᠳᠤᠲᠠᠭᠤ ᠲᠠᠯ᠎ᠠ》 ᠵᠢ ᠨᠦᠬᠦᠪᠦᠷᠢᠯᠡᠬᠦ᠎ᠪᠠᠷ ᠤᠳᠤᠷᠢᠳᠤᠮᠵᠢ ᠪᠤᠯᠭ᠋ᠠᠬᠤ ᠵᠢ ᠪᠠᠷᠢᠮᠲᠠᠯᠠᠪᠠ᠃ ᠶᠠᠳᠠᠭᠤ ᠬᠦᠴᠢᠷᠳᠡᠯᠲᠡᠶ ᠬᠥᠮᠦᠨ ᠠᠮᠠ ᠵᠢ ᠶᠠᠳᠠᠭᠤ᠎ᠠᠴᠠ ᠠᠨᠭ᠌ᠬᠢᠵᠢᠷᠠᠭᠤᠯᠬᠤ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠂ ᠠᠮᠢ ᠠᠬᠤᠶ ᠵᠢᠨ ᠣᠷᠴᠢᠨ ᠲᠤᠭᠤᠷᠢᠨ᠎ᠢ ᠬᠠᠮᠠᠭ᠋ᠠᠯᠠᠬᠤ᠂ ᠣᠷᠣᠨ ᠪᠦᠰᠡ ᠪᠤᠯᠤᠨ ᠬᠤᠲᠠ ᠬᠥᠳᠡᠭᠡ ᠵᠢ ᠵᠣᠬᠢᠴᠠᠩᠭᠤᠶ᠎ᠪᠠᠷ ᠬᠦᠭᠵᠢᠬᠦᠯᠬᠦ ᠵᠡᠷᠭᠡ ᠪᠠᠭᠤᠷᠠᠶ ᠲᠠᠯ᠎ᠠ ᠵᠢ ᠳᠡᠭᠡᠳᠦ ᠬᠡᠮᠵᠢᠶ᠎ᠡ᠎ᠪᠠᠷ ᠠᠨᠭ᠌ᠬᠠᠷᠴᠤ᠂ ᠠᠵᠢᠯ᠎ᠤᠨ ᠭᠣᠣᠯᠳᠠᠯᠭ᠎ᠠ ᠪᠤᠯᠤᠨ ᠲᠡᠮᠡᠴᠡᠬᠦ ᠬᠠᠷᠠᠯᠲᠠ᠎ᠪᠠᠨ ᠲᠤᠲᠤᠷᠬᠠᠢ᠌ᠯᠠᠭᠰᠠᠨ ᠪᠠᠢ᠌ᠨ᠎ᠠ; ᠲᠦᠷᠪᠡ᠎ᠳᠤ ᠭᠤᠯᠳᠤ ᠪᠠ ᠬᠦᠨᠳᠡᠯᠡᠨ ᠲᠡᠰᠢ ᠵᠤᠯᠭ᠋ᠠᠯᠳᠤᠬᠤ ᠵᠢ ᠪᠠᠷᠢᠮᠲᠠᠯᠠᠪᠠ᠃ ᠭᠤᠯᠳᠤ᠎ᠪᠠᠷ ᠵᠶ᠋ᠠᠨ᠂ ᠤᠯᠤᠰ ᠪᠣᠯᠤᠨ ᠡᠯ᠎ᠡ ᠠᠶ᠋ᠢᠮᠠᠭ ᠬᠤᠳᠠ ᠵᠢᠨ ᠲᠥᠯᠥᠪᠵᠢᠭᠦᠯᠭᠡ ᠵᠢᠨ 《ᠬᠦᠲᠦᠯᠪᠦᠷᠢ》 ᠵᠢᠨ ᠬᠦᠢ᠍ᠴᠡᠳᠭᠡᠯ ᠲᠣᠭ᠋ᠠᠨ᠎ᠤ ᠰᠢᠰᠲᠸᠮᠵᠢ ᠵᠢᠨ ᠵᠤᠯᠭ᠋ᠠᠯᠳᠤᠯ᠎ᠢ ᠴᠢᠩᠭ᠋ᠠᠳᠬᠠᠵᠤ᠂ ᠢᠯᠠᠩᠭᠤᠶ᠎ᠠ ᠤᠯᠤᠰ᠎ᠤᠨ ᠬᠢᠵᠠᠭ᠋ᠠᠷᠯᠠᠬᠤ ᠴᠢᠨᠠᠷᠲᠠᠶ ᠭᠦᠢ᠍ᠴᠡᠳᠬᠡᠯ ᠲᠣᠭ᠎ᠠ ᠵᠢ ᠮᠠᠨ᠎ᠤ ᠣᠷᠣᠨ᠎ᠤ ᠬᠦᠢ᠍ᠴᠡᠳᠭᠡᠯ ᠲᠣᠭ᠋ᠠᠨ᠎ᠤ ᠰᠢᠰᠲ᠋ᠧᠮ᠎ᠳᠤ ᠪᠦᠷᠢᠮᠦᠰᠦᠨ ᠢᠯᠡᠷᠡᠬᠦᠯᠵᠤ᠂ ᠵᠢᠱ᠌ᠢᠯᠲᠡ ᠵᠢᠨ ᠴᠢᠨᠠᠷᠲᠠᠶ ᠭᠦᠢ᠍ᠴᠡᠳᠬᠡᠯ ᠲᠣᠭ᠎ᠠ ᠵᠢ ᠴᠤ᠌ ᠶᠡᠷᠦᠩᠬᠡᠶ᠎ᠳᠡᠭᠡᠨ ᠤᠯᠤᠰ᠎ᠤᠨ᠎ᠬᠢ᠎ᠲᠠᠢ ᠨᠢᠭᠡᠳᠦᠯᠲᠡᠶ ᠪᠥᠭᠡᠳ ᠣᠷᠣᠨ᠎ᠤ ᠪᠠᠶ᠋ᠢᠳᠠᠯ᠎ᠲᠠᠢ ᠤᠶᠠᠯᠳᠤᠭᠤᠯᠤᠨ᠂ ᠣᠨᠴᠠ ᠵᠠᠷᠢᠮ ᠭᠦᠢ᠍ᠴᠡᠳᠭᠡᠯ ᠲᠣᠭ᠎ᠠ ᠵᠢ ᠵᠣᠬᠢᠰᠲᠠᠶ᠎ᠪᠠᠷ ᠨᠡᠮᠡᠭᠳᠡᠭᠦᠯᠦᠭᠰᠡᠨ ᠪᠠᠶ᠋ᠢᠨ᠎ᠠ᠃ ᠬᠦᠨᠳᠡᠯᠡᠨ ᠲᠠᠯ᠎ᠠ᠎ᠪᠠᠷ᠂ ᠬᠠᠮᠢᠶ᠎ᠠ ᠪᠦᠬᠦᠢ ᠭᠦᠢ᠍ᠴᠡᠳᠬᠡᠯ ᠲᠣᠭ᠎ᠠ ᠵᠢ ᠡᠷᠬᠢᠨ ᠲᠣᠭᠣᠷᠢᠨ᠎ᠤ ᠮᠤᠵᠢ ᠣᠷᠣᠨ᠎ᠯᠤᠭ᠎ᠠ ᠬᠠᠷᠢᠴᠠᠭᠤᠯᠤᠭᠰᠠᠨ ᠪᠠᠢ᠌ᠨ᠎ᠠ᠃
      ᠬᠥᠲᠥᠯᠥᠭᠴᠢ᠄
      ᠮᠠᠨ᠎ᠤ ᠣᠷᠣᠨ 《13 · 5》 ᠵᠢᠨ ᠲᠥᠯᠥᠪᠵᠢᠭᠦᠯᠭᠡ ᠵᠢᠨ 《ᠬᠦᠲᠦᠯᠪᠦᠷᠢ》᠎ᠳᠠᠬᠢ ᠭᠣᠣᠯᠳᠠᠯᠭ᠎ᠠ᠎ᠲᠠᠢ ᠭᠦᠢ᠍ᠴᠡᠳᠬᠡᠬᠦ ᠲᠣᠭ᠎ᠠ ᠵᠢ ᠬᠡᠷᠬᠢᠨ ᠪᠤᠳᠤᠯᠬᠢᠯᠠᠭᠰᠠᠨ ᠪᠤᠢ?
      ᠸᠠᠩ ᠵᠢᠨ ᠪᠦᠦ᠄
     (ᠨᠢᠭᠡ) ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠦᠷᠲᠡᠭ᠎ᠤᠨ ᠨᠡᠮᠡᠭᠳᠡᠯ᠎ᠤᠨ ᠬᠤᠷᠳᠤᠴᠠ ᠵᠢ ᠨᠡᠮᠡᠭᠳᠡᠭᠦᠯᠬᠦ ᠲᠤᠬᠠᠢ
      ᠲᠥᠪ᠎ᠤᠨ 《13 · 5》 ᠵᠢᠨ ᠲᠥᠯᠥᠪᠵᠢᠭᠦᠯᠭᠡ ᠵᠢᠨ 《ᠰᠠᠨᠠᠭᠤᠯᠭ᠎ᠠ》᠎ᠳᠤ 《13 · 5》 ᠵᠢᠨ ᠬᠤᠭᠤᠴᠠᠭ᠋ᠠᠨ᠎ᠳᠤ ᠪᠦᠭᠦ ᠤᠯᠤᠰ᠎ᠤᠨ ᠠᠵᠤ ᠠᠬᠤᠶ ᠳᠤᠮᠳᠠ ᠳᠡᠭᠡᠳᠦ ᠬᠤᠷᠳᠤᠴᠠ᠎ᠪᠠᠷ ᠨᠡᠮᠡᠭᠳᠡᠬᠦ ᠵᠢ ᠪᠠᠷᠢᠮᠲᠠᠯᠠᠵᠤ᠂ 2020 ᠣᠨ ᠪᠣᠯᠬᠤ᠎ᠳᠤ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ᠎ᠢ 2010 ᠣᠨ᠎ᠤ᠎ᠬᠢ᠎ᠠᠴᠠ ᠬᠣᠶᠠᠷ ᠳᠠᠬᠢᠨ ᠨᠡᠮᠡᠭᠳᠡᠭᠦᠯᠬᠦ ᠵᠢ ᠪᠡᠶᠡᠯᠡᠭᠦᠯᠬᠦ᠎ᠪᠠᠷ ᠲᠤᠭᠲᠠᠭ᠋ᠠᠵᠠᠢ᠂ ᠵᠢᠱ᠌ᠢᠵᠦ ᠪᠤᠳᠤᠭᠰᠠᠨ ᠵᠶ᠋ᠠᠷ᠂ ᠤᠯᠤᠰ᠎ᠠᠴᠠ ᠬᠣᠶᠠᠷ ᠳᠠᠬᠢᠨ ᠨᠡᠮᠡᠭᠳᠡᠭᠦᠯᠬᠦ ᠵᠢ ᠪᠡᠶᠡᠯᠡᠭᠦᠯᠬᠦ᠎ᠳᠤ 《13 · 5》 ᠵᠢᠨ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ᠎ᠤᠨ ᠨᠡᠮᠡᠭᠳᠡᠯ᠎ᠤᠨ ᠬᠤᠷᠳᠤᠴᠠ ᠵᠢᠨ ᠨᠠᠭ᠋ᠠᠳᠤ ᠵᠠᠬ᠎ᠠ ᠵᠢᠨ ᠬᠣᠷᠢᠭ᠎ᠠ ᠱᠤᠭᠤᠮ᠎ᠢ 6.5% ᠪᠠᠢ᠌ᠯᠭ᠋ᠠᠬᠤ ᠬᠡᠷᠡᠭᠲᠡᠢ᠂ ᠮᠠᠨ᠎ᠤ ᠣᠷᠣᠨ ᠬᠣᠶᠠᠷ ᠳᠠᠬᠢᠨ ᠨᠡᠮᠡᠭᠳᠡᠭᠦᠯᠬᠦ ᠵᠢ ᠪᠡᠶᠡᠯᠡᠭᠦᠯᠬᠦ᠎ᠳᠤ 《13 · 5》 ᠵᠢᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ᠎ᠤᠨ ᠵᠢᠯ ᠪᠦᠷᠢ ᠵᠢᠨ ᠳᠤᠮᠳᠠᠴᠢ ᠨᠡᠮᠡᠭᠳᠡᠯ᠎ᠢ 4.4% ᠣᠷᠴᠢᠮ ᠪᠠᠢ᠌ᠯᠭ᠋ᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ 《ᠬᠦᠲᠦᠯᠪᠦᠷᠢ》᠎ᠳᠤ ᠳᠤᠷᠠᠳᠤᠭᠰᠠᠨ᠎ᠨᠢ᠂ ᠬᠣᠶ᠋ᠢᠰᠢᠳᠠ ᠵᠢᠨ ᠲᠠᠪᠤᠨ ᠵᠢᠯ᠎ᠳᠤ ᠮᠠᠨ᠎ᠤ ᠣᠷᠣᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠳᠡᠭ᠎ᠢ ᠵᠢᠯ ᠪᠦᠷᠢ ᠳᠤᠮᠳᠠᠴᠢ᠎ᠪᠠᠷ 7.5% ᠣᠷᠴᠢᠮ ᠪᠠᠢ᠌ᠯᠭ᠋ᠠᠵᠤ᠂ 2020 ᠣᠨ ᠪᠣᠯᠬᠤ᠎ᠳᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠦᠷᠳᠡᠭ᠎ᠢ 2.6 ᠲᠦᠮᠡᠨ ᠳ᠋ᠦᠩᠰᠢᠭᠤᠷ ᠲᠥᠭᠥᠷᠢᠭ᠎ᠲᠤ ᠬᠦᠷᠦᠭᠦᠯᠦᠨ᠎ᠡ᠃ ᠡᠭᠦᠨ᠎ᠤ ᠭᠣᠣᠯ ᠰᠢᠯᠲᠠᠭ᠋ᠠᠨ ᠪᠣᠯ᠄ ᠨᠢᠭᠡ᠎ᠳᠤ᠂ ᠬᠡᠷᠡᠭᠴᠡᠭᠡ ᠵᠢ ᠪᠣᠳᠣᠯᠬᠢᠯᠠᠭᠰᠠᠨ ᠶᠤᠮ᠃ ᠮᠠᠨ᠎ᠤ ᠣᠷᠣᠨ᠎ᠤ ᠬᠥᠭᠵᠢᠯᠲᠡ ᠲᠡᠩᠴᠡᠭᠦᠷᠢ ᠦᠭᠡᠢ᠂ ᠰᠠᠭᠤᠷᠢ ᠪᠡᠯᠡᠳᠬᠡᠮᠵᠢ᠂ ᠠᠵᠤ ᠦᠢ᠍ᠯᠡᠰ᠎ᠤᠨ ᠬᠥᠭᠵᠢᠯᠲᠡ᠂ ᠠᠷᠠᠳ᠎ᠤᠨ ᠠᠮᠢᠳᠤᠷᠠᠯ᠎ᠤᠨ ᠬᠦᠷᠢᠶ᠎ᠡ ᠬᠡᠪᠴᠢᠶ᠎ᠡ ᠵᠡᠷᠭᠡ ᠲᠠᠯ᠎ᠠ᠎ᠪᠠᠷ ᠤᠯᠤᠰ᠎ᠤᠨ ᠳᠣᠲᠣᠭ᠋ᠠᠳᠤ ᠵᠢᠨ ᠬᠥᠭᠵᠢᠭᠰᠡᠨ ᠭᠠᠵᠠᠷ ᠣᠷᠣᠨ᠎ᠲᠠᠢ ᠬᠠᠷᠢᠴᠠᠭᠤᠯᠪᠠᠯ ᠪᠠᠰᠠ ᠨᠡᠯᠢᠶᠡᠳ ᠠᠷᠪᠢᠨ ᠳᠤᠲᠠᠭᠳᠠᠯ᠎ᠲᠠᠢ ᠲᠠᠯ᠎ᠠ ᠪᠠᠢ᠌ᠨ᠎ᠠ᠂ ᠳᠤᠲᠠᠭᠤ ᠲᠠᠯ᠎ᠠ᠎ᠪᠠᠨ ᠤᠷᠲᠤᠳᠬᠠᠬᠤ ᠵᠢᠨ ᠲᠥᠯᠥᠭᠡ᠂ ᠪᠦᠬᠦ ᠤᠯᠤᠰ᠎ᠤᠨ ᠳᠤᠮᠳᠠᠴᠢ ᠬᠢᠷᠢ ᠲᠦᠪᠰᠢᠨ᠎ᠤ ᠨᠡᠮᠡᠭᠳᠡᠬᠦ ᠬᠤᠷᠳᠤᠴᠠ᠎ᠠᠴᠠ ᠲᠦᠷᠭᠡᠨ ᠨᠡᠮᠡᠭᠳᠡᠯ᠎ᠤᠨ ᠬᠤᠷᠳᠤᠴᠠ᠎ᠲᠠᠢ ᠪᠠᠶ᠋ᠢᠯᠭ᠋ᠠᠬᠤ ᠵᠢ ᠦᠷᠭᠦᠯᠵᠢᠯᠡᠨ ᠪᠠᠲᠤᠯᠠᠬᠤ ᠬᠡᠷᠡᠭᠲᠡᠢ; ᠬᠣᠶᠠᠷ᠎ᠲᠤ ᠪᠣᠯᠤᠮᠵᠢ ᠵᠢ ᠪᠤᠳᠤᠯᠬᠢᠯᠠᠭᠰᠠᠨ ᠶᠤᠮ᠃ ᠤᠯᠠᠨ ᠵᠢᠯ᠎ᠤᠨ ᠬᠤᠷᠠᠮᠳᠤᠭᠤᠯᠠᠯ ᠵᠶ᠋ᠠᠷ ᠳᠠᠮᠵᠢᠭ᠋ᠠᠳ᠂ ᠮᠠᠨ᠎ᠤ ᠣᠷᠣᠨ ᠬᠥᠭᠵᠢᠯᠲᠡ ᠵᠢᠨ ᠵᠤᠬᠢᠬᠤ ᠰᠠᠭᠤᠷᠢ ᠵᠢ ᠪᠦᠷᠢᠯᠳᠦᠭᠦᠯᠵᠦ᠂ ᠢᠯᠠᠩᠭᠤᠶ᠎ᠠ ᠤᠢ᠍ᠢ᠍ᠷ᠎ᠠ ᠵᠢᠨ ᠵᠢᠯ᠎ᠤᠳ᠎ᠲᠤ ᠦᠷᠭᠦᠯᠵᠢᠯᠡᠨ ᠪᠦᠲᠦᠮᠵᠢᠲᠡᠶ ᠣᠷᠣᠭᠤᠯᠤᠯᠲᠠ᠎ᠪᠠᠨ ᠨᠡᠮᠡᠭᠳᠡᠭᠦᠯᠵᠦ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠲᠦᠯᠬᠢᠨ ᠠᠬᠢᠭᠤᠯᠵᠤ᠂ 《ᠲᠠᠪᠤᠨ ᠶᠡᠬᠡ ᠰᠠᠭᠤᠷᠢᠨ ᠭᠠᠵᠠᠷ》 ᠠᠩᠬ᠎ᠠ ᠠᠯᠬᠤᠮ ᠲᠥᠯᠥᠪᠰᠢᠷᠡᠵᠦ᠂ ᠨᠢᠭᠡ ᠪᠦᠯᠦᠭ ᠵᠠᠮ ᠬᠠᠷᠢᠯᠴᠠᠭ᠎ᠠ᠂ ᠴᠠᠬᠢᠯᠭ᠋ᠠᠨ ᠬᠦᠴᠦᠨ᠎ᠤ ᠰᠠᠭᠤᠷᠢ ᠪᠡᠯᠡᠳᠬᠡᠮᠵᠢ ᠪᠣᠯᠤᠨ ᠰᠢᠨ᠎ᠡ ᠬᠡᠯᠪᠡᠷᠢ ᠵᠢᠨ ᠬᠢᠮᠢ ᠵᠢᠨ ᠠᠵᠤ ᠦᠢ᠍ᠯᠡᠳᠪᠦᠷᠢ ᠵᠡᠷᠭᠡ ᠴᠢᠬᠤᠯᠠ ᠶᠡᠬᠡ ᠲᠦᠷᠦᠯ ᠵᠦᠢ᠍ᠯ᠎ᠤᠳ᠎ᠢ ᠶᠠᠭ ᠵᠠᠯᠭ᠋ᠠᠭ᠎ᠠ᠎ᠪᠠᠷ ᠠᠵᠢᠯ ᠡᠬᠢᠯᠡᠭᠦᠯᠦᠨ ᠪᠥᠳᠥᠭᠡᠨ ᠪᠠᠶ᠋ᠢᠭᠤᠯᠵᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠪᠠᠶ᠋ᠢᠯᠳᠤᠬᠤ ᠪᠤᠳᠤᠯᠭ᠎ᠠ ᠵᠢ ᠭᠦᠨᠵᠡᠭᠡᠶ᠋ᠢᠷᠡᠭᠦᠯᠦᠨ ᠬᠡᠷᠡᠭᠵᠢᠭᠦᠯᠬᠦ ᠪᠠ ᠥᠭᠡᠷᠡᠴᠢᠯᠡᠯᠲᠡ ᠨᠠᠭᠡᠭᠡᠯᠲᠠ ᠵᠢ ᠲᠠᠰᠣᠷᠠᠯᠲᠠ ᠣᠢ᠍ᠭᠡᠢ ᠭᠦᠨᠵᠡᠭᠡᠢ᠌ᠷᠡᠭᠦᠯᠬᠦ ᠵᠢ ᠳᠠᠭ᠋ᠠᠯᠳᠤᠨ᠂ ᠰᠢᠨ᠎ᠡ ᠠᠵᠤ ᠦᠢ᠍ᠯᠡᠰ᠂ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ ᠶᠡᠬᠡ ᠬᠡᠮᠵᠢᠶ᠎ᠡ᠎ᠪᠠᠷ ᠴᠣᠯᠭᠣᠷᠠᠨ ᠭᠠᠷᠴᠤ᠂ ᠴᠢᠷᠮᠠᠶ᠋ᠢᠯᠭ᠎ᠠ᠎ᠪᠠᠷ ᠳᠠᠮᠵᠢᠭ᠋ᠠᠳ᠂ 7. 5% ᠣᠷᠴᠢᠮ᠎ᠤᠨ ᠨᠡᠮᠡᠭᠳᠡᠯ᠎ᠤᠨ ᠬᠤᠷᠳᠤᠴᠠ᠎ᠲᠠᠢ ᠪᠠᠢ᠌ᠯᠭ᠋ᠠᠬᠤ ᠵᠢ ᠪᠡᠶᠡᠯᠡᠭᠦᠯᠬᠦ ᠪᠤᠯᠤᠮᠵᠢ᠎ᠲᠠᠢ ᠶᠤᠮ᠃
     (ᠬᠣᠶᠠᠷ) ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠤᠨ ᠲᠤᠬᠠᠢ
     《ᠬᠦᠲᠦᠯᠪᠦᠷᠢ》᠎ᠳᠤ ᠳᠤᠷᠠᠳᠤᠨ ᠭᠠᠷᠭ᠋ᠠᠭᠰᠠᠨ᠎ᠨᠢ᠂ ᠬᠤᠢ᠌ᠰᠢᠳᠠ ᠵᠢᠨ ᠲᠠᠪᠤᠨ ᠵᠢᠯ᠎ᠳᠤ ᠮᠠᠨ᠎ᠤ ᠣᠷᠣᠨ᠎ᠤ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢ ᠵᠢᠯ ᠪᠦᠷᠢ ᠳᠤᠮᠳᠠᠴᠢ᠎ᠪᠠᠷ ᠲᠤᠰ ᠳᠤᠰ 8% ᠪᠠ 9% ᠣᠷᠴᠢᠮ ᠨᠡᠮᠡᠭᠳᠡᠭᠦᠯᠦᠨ᠎ᠡ ᠭᠡᠵᠡᠢ᠃ ᠢᠩᠭᠢᠵᠦ ᠪᠠᠶ᠋ᠢᠷᠢᠯᠠᠭᠤᠯᠬᠤ᠎ᠨᠢ ᠭᠣᠣᠯᠳᠠᠭᠤ ᠭᠤᠷᠪᠠᠨ ᠬᠦᠴᠦᠨ ᠵᠦᠢ᠍ᠯ᠎ᠢ ᠪᠤᠳᠤᠯᠬᠢᠯᠠᠭᠰᠠᠨ ᠪᠠᠶ᠋ᠢᠨ᠎ᠠ᠄ ᠨᠢᠭᠡᠳᠦᠭᠡᠷ᠎ᠲᠤ᠂ ᠲᠥᠪ᠎ᠤᠨ 《13 · 5》 ᠵᠢᠨ 《ᠰᠠᠨᠠᠭᠤᠯᠭ᠎ᠠ》᠎ᠳᠤ 《ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ ᠪᠠ ᠠᠵᠤ ᠠᠬᠤᠶ ᠵᠢᠨ ᠨᠡᠮᠡᠭᠳᠡᠯ᠎ᠢ ᠢᠵᠢᠯᠢ ᠠᠯᠬᠤᠮ᠎ᠲᠠᠢ ᠪᠠᠢ᠌ᠯᠭ᠋ᠠᠬᠤ᠂ ᠬᠥᠳᠡᠯᠮᠦᠷᠢ ᠵᠢᠨ ᠬᠥᠯᠥᠰᠥ ᠣᠯᠭᠣᠮᠵᠢ ᠵᠢ ᠳᠡᠭᠡᠭᠰᠢᠯᠡᠭᠦᠯᠬᠦ ᠪᠠ ᠬᠥᠳᠡᠯᠮᠦᠷᠢ ᠦᠢ᠍ᠯᠡᠳᠪᠦᠷᠢᠯᠡᠯ᠎ᠤᠨ ᠪᠦᠲᠦᠭᠡᠮᠵᠢ ᠵᠢᠨ ᠳᠡᠭᠡᠭᠰᠢᠯᠡᠯᠲᠡ ᠵᠢᠨ ᠨᠤᠷᠮ᠎ᠠ ᠵᠢ ᠠᠳᠠᠯᠢ ᠠᠯᠬᠤᠮ᠎ᠲᠠᠢ ᠪᠠᠢ᠌ᠯᠭ᠋ᠠᠬᠤ》 ᠵᠢ ᠳᠤᠷᠠᠳᠪᠠ; ᠬᠣᠶᠠᠳᠤᠭ᠋ᠠᠷ᠎ᠲᠤ᠂ ᠵᠢᠱ᠌ᠢᠵᠦ ᠪᠣᠳᠣᠭᠰᠠᠨ ᠵᠶ᠋ᠠᠷ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ ᠬᠠᠷᠠᠯᠲᠠ ᠵᠢ ᠪᠡᠶᠡᠯᠡᠭᠦᠯᠬᠦ᠎ᠳᠤ 《13 · 5》 ᠵᠢᠨ ᠬᠤᠭᠤᠴᠠᠭ᠋ᠠᠨ᠎ᠳᠤ ᠪᠦᠬᠦ ᠤᠯᠤᠰ᠎ᠤᠨ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢ ᠨᠠᠭ᠋ᠠᠳᠤ ᠵᠠᠬ᠎ᠠ᠎ᠳᠠᠭᠠᠨ ᠵᠢᠯ ᠪᠦᠷᠢ ᠳᠤᠮᠳᠠᠴᠢ᠎ᠪᠠᠷ 6.5% ᠪᠠ 4.5% ᠣᠷᠴᠢᠮ᠎ᠪᠠᠷ ᠪᠣᠳᠠᠲᠠᠶ ᠨᠡᠮᠡᠭᠳᠡᠭᠦᠯᠬᠦ ᠬᠡᠷᠡᠭᠲᠡᠢ᠂ ᠮᠠᠨ᠎ᠤ ᠣᠷᠣᠨ᠎ᠤ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢ ᠲᠤᠰ ᠲᠤᠰ ᠳᠤᠮᠳᠠᠴᠢ᠎ᠪᠠᠷ ᠵᠢᠯ ᠪᠦᠷᠢ 6.4% ᠪᠠ 3.8%᠎ᠪᠠᠷ ᠪᠣᠳᠠᠲᠠᠶ ᠨᠡᠮᠡᠭᠳᠡᠭᠦᠯᠵᠦ᠂ ᠮᠠᠨ᠎ᠤ ᠣᠷᠣᠨ᠎ᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠬᠢᠷᠢ ᠬᠡᠮᠵᠢᠶ᠎ᠡ ᠪᠦᠬᠦ ᠤᠯᠤᠰ᠎ᠤᠨ ᠳᠤᠮᠳᠠᠴᠢ ᠬᠢᠷᠢ ᠬᠡᠮᠵᠢᠶ᠎ᠡ᠎ᠠᠴᠠ ᠳᠤᠤᠭᠤᠷ ᠪᠠᠶ᠋ᠢᠵᠤ᠂ 《ᠳᠤᠲᠠᠭᠤ ᠲᠠᠯ᠎ᠠ》᠎ᠪᠠᠨ ᠨᠦᠬᠦᠪᠦᠷᠢᠯᠡᠬᠦ ᠠᠵᠢᠯ᠎ᠤᠨ ᠤᠳᠤᠷᠢᠳᠤᠮᠵᠢ ᠵᠢ ᠬᠠᠷᠠᠭᠤᠯᠬᠤ ᠵᠢᠨ ᠲᠤᠰᠠᠳᠠ  ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠲᠤ ᠬᠥᠭᠵᠢᠯᠲᠡ ᠵᠢᠨ ᠦᠷ᠎ᠡ ᠪᠦᠲᠦᠭᠡᠯ᠎ᠢ ᠬᠠᠮᠲᠤ᠎ᠪᠠᠷ   ᠡᠳ᠋ᠯᠡᠭᠦᠯᠵᠦ᠂ 《ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢ ᠪᠦᠬᠦ ᠤᠯᠤᠰ᠎ᠤᠨ ᠳᠤᠮᠳᠠᠴᠢ ᠲᠦᠪᠰᠢᠨ᠎ᠳᠤ ᠬᠦᠷᠦᠭᠦᠯᠬᠦ》 ᠬᠠᠷᠠᠯᠲᠠ ᠵᠢ ᠪᠡᠶᠡᠯᠡᠭᠦᠯᠦᠶ᠎ᠡ ᠭᠡᠪᠡᠯ᠂ ᠮᠠᠨ᠎ᠤ ᠣᠷᠣᠨ᠎ᠤ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠤᠨ ᠬᠤᠷᠳᠤᠴᠠ ᠵᠢ ᠡᠷᠬᠡᠪᠰᠢ ᠪᠦᠬᠦ ᠤᠯᠤᠰ᠎ᠤᠨ ᠳᠤᠮᠳᠠᠴᠢ ᠬᠢᠷᠢ ᠬᠡᠮᠵᠢᠶ᠎ᠡ᠎ᠠᠴᠠ ᠳᠡᠭᠡᠭᠦᠷ ᠪᠠᠢ᠌ᠯᠭ᠋ᠠᠬᠤ ᠬᠡᠷᠡᠭᠲᠡᠢ;    
      ᠭᠤᠷᠪᠠᠳᠤᠭ᠋ᠠᠷ᠎ᠲᠤ᠂ ᠪᠣᠯᠣᠯᠴᠠᠭ᠋ᠠᠲᠤ ᠴᠢᠨᠠᠷ᠎ᠠᠴᠠ ᠦᠵᠡᠪᠡᠯ᠂ 《13 · 5》 ᠵᠢᠨ ᠬᠤᠭᠤᠴᠠᠭ᠋ᠠᠨ᠎ᠳᠤ᠂ ᠮᠠᠨ᠎ᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ 《ᠠᠷᠪᠠ ᠵᠢ ᠪᠦᠷᠢᠨ ᠪᠦᠷᠬᠦᠭᠦᠯᠬᠦ》 ᠢᠨᠵᠧᠨᠧᠷᠢᠩ᠎ᠢ ᠪᠦᠬᠦ ᠲᠠᠯ᠎ᠠ᠎ᠪᠠᠷ ᠪᠠᠢ᠌ᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠠᠶ᠋ᠢᠯ ᠲᠣᠰᠬᠣᠨ᠎ᠤ ᠳᠦᠷᠰᠦ ᠪᠠᠶ᠋ᠢᠳᠠᠯ᠂ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠪᠠ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠴᠡᠯ ᠲᠩᠷᠢ ᠭᠠᠵᠠᠷ᠎ᠢ ᠳᠣᠩᠰᠣᠯᠭ᠋ᠠᠮ᠎ᠠ ᠬᠤᠪᠢᠷᠠᠯᠲᠠ ᠭᠠᠷᠴᠤ᠂ ᠮᠠᠯᠵᠢᠬᠤ ᠲᠠᠷᠢᠶᠠᠯᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠴᠢᠬᠤᠯᠠ ᠶᠡᠬᠡ ᠠᠴᠢ ᠲᠤᠰᠠ ᠦᠵᠡᠭᠦᠯᠬᠦ ᠶᠤᠮ᠂ ᠢᠯᠠᠩᠭᠤᠶ᠎ᠠ ᠨᠤᠷᠠᠬᠤ ᠠᠶᠤᠯᠲᠠᠶ ᠭᠡᠷ ᠪᠠᠶ᠋ᠢᠰᠢᠩ᠎ᠢ ᠥᠭᠡᠷᠡᠴᠢᠯᠡᠬᠦ ᠪᠠ ᠨᠡᠶ᠋ᠢᠭᠡᠮ᠎ᠤᠨ ᠪᠠᠲᠤᠯᠠᠭ᠎ᠠ ᠵᠢᠨ ᠢᠨᠵᠧᠨᠧᠷᠢᠩ᠎ᠢ ᠬᠡᠷᠡᠭᠵᠢᠭᠦᠯᠦᠭᠰᠡᠨ᠎ᠨᠢ ᠮᠠᠯᠴᠢᠨ ᠲᠠᠷᠢᠶᠠᠴᠢᠨ᠎ᠤ ᠰᠢᠯᠵᠢᠯᠲᠡ ᠵᠢᠨ ᠴᠢᠨᠠᠷᠲᠠᠶ ᠣᠷᠣᠯᠭ᠎ᠠ ᠪᠠ ᠴᠠᠯᠢᠩ᠎ᠤᠨ ᠴᠢᠨᠠᠷᠲᠠᠶ ᠣᠷᠣᠯᠭ᠎ᠠ ᠵᠢ ᠳᠠᠢ᠌ᠴᠢᠯᠠᠨ ᠳᠡᠭᠡᠭᠰᠢᠯᠡᠭᠦᠯᠵᠦ᠂ ᠣᠷᠣᠯᠭ᠎ᠠ ᠵᠢᠨ ᠬᠤᠪᠢᠶᠠᠷᠢᠯᠠᠯᠲᠠ ᠵᠢᠨ ᠲᠦᠷᠦ ᠵᠢᠨ ᠪᠤᠳᠤᠯᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠬᠦ ᠵᠢ ᠳᠠᠭ᠋ᠠᠯᠳᠤᠨ᠂ ᠢᠯᠠᠩᠭᠤᠶ᠎ᠠ ᠪᠣᠳᠠᠲᠤ ᠴᠤᠭᠴᠠᠲᠤ ᠠᠵᠤ ᠠᠬᠤᠶ᠋ᠢᠯᠠᠯ᠎ᠤᠨ ᠥᠪᠡᠷ᠎ᠤᠨ ᠦᠷᠲᠡᠭ᠎ᠢ ᠪᠠᠭᠤᠷᠠᠭᠤᠯᠬᠤ ᠠᠵᠢᠯᠯᠠᠭ᠎ᠠ᠂ ᠪᠦᠲᠦᠴᠡ ᠵᠢᠨ ᠴᠢᠨᠠᠷᠲᠠᠶ ᠪᠠ ᠲᠦᠭᠡᠮᠡᠯ ᠬᠦᠷᠲᠡᠭᠡᠮᠵᠢ ᠵᠢᠨ ᠴᠢᠨᠠᠷᠲᠠᠶ ᠭᠠᠶ᠋ᠢᠯᠢ ᠬᠥᠩᠭᠡᠯᠡᠬᠦ᠂ ᠰᠦᠢ᠍ᠳᠬᠡᠯ᠎ᠢ ᠲᠦᠭᠡᠮᠡᠯ ᠴᠢᠨᠠᠷᠲᠠᠶ ᠪᠠᠭᠤᠷᠠᠭᠤᠯᠬᠤ ᠵᠢᠴᠢ ᠦᠢ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠬᠤ ᠪᠠ ᠲᠦᠮᠡᠨ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠵᠡᠷᠭᠡ ᠲᠦᠷᠦ ᠵᠢᠨ ᠪᠤᠳᠤᠯᠭ᠎ᠠ ᠵᠢ ᠬᠡᠷᠡᠭᠵᠢᠭᠦᠯᠵᠦ᠂ ᠠᠵᠢᠯ ᠣᠯᠭᠣᠯᠲᠠ ᠵᠢ ᠠᠬᠢᠭᠤᠯᠵᠤ᠂ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠣᠷᠣᠯᠭ᠎ᠠ ᠵᠢ ᠤᠯᠠᠮ ᠨᠢᠭᠡ ᠠᠯᠬᠤᠮ ᠨᠡᠮᠡᠭᠳᠡᠭᠦᠯᠬᠦ ᠪᠤᠯᠤᠨ᠎ᠠ᠃
      ᠸᠠᠩ ᠵᠢᠨ ᠪᠣᠣ᠄
     (ᠭᠤᠷᠪᠠ) ᠲᠣᠭᠲᠠᠮᠠᠯ ᠪᠡᠯᠡ ᠬᠦ᠍ᠷᠦᠡᠭᠭᠡ ᠵᠢᠨ ᠪᠡᠯᠡ ᠣᠷᠣᠭᠤᠯᠤᠯᠲᠠ ᠵᠢᠨ ᠨᠡᠮᠡᠭᠳᠡᠯ᠎ᠤᠨ ᠲᠤᠬᠠᠢ
     《ᠬᠦᠲᠦᠯᠪᠦᠷᠢ》᠎ᠳᠤ ᠳᠤᠷᠠᠳᠤᠭᠰᠠᠨ᠎ᠨᠢ᠂ ᠬᠣᠶ᠋ᠢᠰᠢᠳᠠ ᠵᠢᠨ ᠲᠠᠪᠤᠨ ᠵᠢᠯ᠎ᠳᠤ ᠮᠠᠨ᠎ᠤ ᠣᠷᠣᠨ᠎ᠤ ᠲᠣᠭᠲᠠᠮᠠᠯ ᠪᠡᠯᠡ ᠬᠦ᠍ᠷᠦᠩᠭᠡ ᠵᠢᠨ ᠪᠡᠯᠡ ᠣᠷᠣᠭᠤᠯᠤᠯᠲᠠ ᠵᠢ ᠵᠢᠯ ᠪᠦᠷᠢ ᠳᠤᠮᠳᠠᠴᠢ᠎ᠪᠠᠷ 10% ᠣᠷᠴᠢᠮ ᠵᠶ᠋ᠠᠷ ᠨᠡᠮᠡᠭᠳᠡᠭᠦᠯᠦᠨ᠎ᠡ ᠭᠡᠵᠡᠢ᠃ ᠡᠭᠦᠨ᠎ᠤ ᠭᠣᠣᠯ ᠪᠣᠳᠣᠯᠬᠢᠯᠠᠯ ᠭᠡᠪᠡᠯ᠄ ᠨᠢᠭᠡᠳᠦᠭᠡᠷ᠎ᠲᠤ᠂ ᠲᠣᠭᠲᠠᠮᠠᠯ ᠬᠦ᠍ᠷᠦᠡᠭᠭᠡ ᠵᠢᠨ ᠪᠡᠯᠡ ᠤᠷᠤᠭᠤᠯᠤᠯᠲᠠ ᠵᠢᠨ ᠬᠡᠪᠴᠢᠶ᠎ᠡ ᠵᠢ ᠦᠷᠭᠡᠳᠬᠡᠬᠦ ᠪᠤᠯ᠂ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠷᠠᠳ᠎ᠤᠨ ᠠᠮᠢᠳᠤᠷᠠᠯ᠎ᠤᠨ ᠬᠡᠷᠡᠭᠴᠡᠭᠡ ᠵᠢ ᠪᠠᠲᠤᠯᠠᠨ ᠰᠠᠢ᠌ᠵᠢᠷᠠᠭᠤᠯᠬᠤ ᠱᠠᠭ᠋ᠠᠷᠳᠠᠯᠭ᠎ᠠ ᠪᠤᠯᠬᠤ᠎ᠪᠠᠷ ᠪᠠᠷᠠᠬᠤ ᠦᠭᠡᠢ᠂ ᠠᠵᠤ ᠦᠢ᠍ᠯᠡᠰ᠎ᠤᠨ ᠬᠥᠭᠵᠢᠯᠲᠡ ᠵᠢ ᠲᠦᠯᠬᠢᠨ ᠠᠬᠢᠭᠤᠯᠬᠤ᠂ ᠠᠵᠤ ᠠᠬᠤᠶ ᠵᠢᠨ ᠨᠡᠮᠡᠭᠳᠡᠯ᠎ᠢ ᠲᠣᠭᠲᠠᠭᠤᠨ ᠪᠠᠶ᠋ᠢᠯᠭ᠋ᠠᠬᠤ ᠭᠣᠣᠯ ᠬᠥᠳᠡᠯᠭᠡᠭᠦᠷ ᠪᠤᠯᠤᠨ᠎ᠠ᠂ ᠪᠦᠬᠦ ᠤᠯᠤᠰ᠎ᠲᠠᠢ ᠴᠤᠭᠭ᠋ᠠᠷ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ ᠵᠢ ᠪᠡᠶᠡᠯᠡᠭᠦᠯᠬᠦ ᠵᠢᠨ ᠲᠦᠯᠦᠭᠡ᠂ 《13 · 5》 ᠵᠢᠨ ᠬᠤᠭᠤᠴᠠᠭ᠋ᠠᠨ᠎ᠳᠤ ᠮᠠᠨ᠎ᠤ ᠣᠷᠣᠨ ᠵᠣᠬᠢᠬᠤ ᠬᠡᠮᠵᠢᠶᠡᠨ᠎ᠤ ᠪᠡᠯᠡ ᠣᠷᠣᠭᠤᠯᠤᠯᠲᠠ ᠵᠢᠨ ᠬᠡᠪᠴᠢᠶ᠎ᠡ ᠪᠠ ᠬᠦᠢ᠍ᠴᠣᠯᠠᠴᠠ ᠵᠢ ᠪᠠᠷᠢᠮᠲᠠᠯᠠᠬᠤ ᠬᠡᠷᠡᠭᠲᠡᠢ; ᠬᠣᠶᠠᠳᠤᠭ᠋ᠠᠷ᠎ᠲᠤ᠂ ᠡᠯ᠎ᠡ ᠠᠶ᠋ᠢᠮᠠᠭ ᠬᠤᠳᠠ ᠵᠢᠨ ᠳᠡᠭᠡᠭᠰᠢ ᠮᠡᠳᠡᠭᠦᠯᠦᠭᠰᠡᠨ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠪᠠᠶ᠋ᠢᠳᠠᠯ᠎ᠠᠴᠠ ᠦᠵᠡᠪᠡᠯ᠂ ᠵᠠᠷᠢᠮ ᠲᠥᠷᠥᠯ ᠵᠦᠢ᠍ᠯ᠎ᠤᠨ ᠲᠦᠰᠢᠭ ᠲᠤᠯᠭ᠋ᠠᠭᠤᠷᠢ᠎ᠨᠢ ᠡᠯ᠎ᠡ ᠠᠶ᠋ᠢᠮᠠᠭ ᠬᠣᠲᠠ ᠵᠢᠨ ᠬᠤᠷᠢᠶᠠᠩᠭᠤᠶ᠋ᠢᠯᠠᠭᠰᠠᠨ 《13 · 5》 ᠵᠢᠨ ᠪᠡᠯᠡ ᠣᠷᠣᠭᠤᠯᠤᠯᠲᠠ ᠵᠢᠨ ᠶᠡᠷᠦᠩᠬᠡᠶ ᠬᠡᠮᠵᠢᠶ᠎ᠡ᠎ᠨᠢ 16 ᠲᠦᠮᠡᠨ ᠳ᠋ᠦᠩᠰᠢᠭᠤᠷ ᠣᠷᠴᠢᠮ ᠪᠠᠢ᠌ᠵᠤ᠂ 50-60% ᠵᠢ᠎ᠨᠢ ᠪᠠᠢ᠌ᠭᠤᠯᠬᠤ᠎ᠪᠠᠷ ᠵᠢᠱ᠌ᠢᠪᠡᠯ᠂ 《13 · 5》 ᠵᠢᠨ ᠬᠤᠭᠤᠴᠠᠭ᠋ᠠᠨ᠎ᠳᠤ ᠪᠦᠬᠦ ᠣᠷᠣᠨ᠎ᠤ ᠲᠣᠭᠲᠠᠮᠠᠯ ᠪᠡᠯᠡ ᠬᠥᠷᠥᠨᠭᠭᠡ ᠵᠢᠨ ᠪᠡᠯᠡ ᠣᠷᠣᠭᠤᠯᠤᠯᠲᠠ ᠵᠢᠨ ᠶᠡᠷᠦᠩᠬᠡᠢ ᠬᠡᠮᠵᠢᠶ᠎ᠡ᠎ᠨᠢ 9 ᠲᠦᠮᠡᠨ ᠳ᠋ᠦᠩᠰᠢᠭᠤᠷ ᠣᠷᠴᠢᠮ ᠬᠦᠷᠴᠦ᠂ ᠵᠢᠯ ᠪᠦᠷᠢ ᠳᠤᠮᠳᠠᠴᠢ᠎ᠪᠠᠷ 10% ᠣᠷᠴᠢᠮ ᠨᠡᠮᠡᠭᠳᠡᠬᠦ ᠪᠣᠯᠤᠨ᠎ᠠ᠃
     (ᠲᠦᠷᠪᠡ) ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠬᠤ ᠶᠡᠷᠦᠩᠬᠡᠢ ᠲᠣᠭ᠎ᠠ ᠵᠢᠨ ᠨᠡᠮᠡᠭᠳᠡᠯ᠎ᠤᠨ ᠲᠤᠬᠠᠢ
     《ᠬᠦᠲᠦᠯᠪᠦᠷᠢ》᠎ᠳᠤ ᠳᠤᠷᠠᠳᠤᠭᠰᠠᠨ᠎ᠨᠢ᠂ ᠬᠣᠶ᠋ᠢᠰᠢᠳᠠ ᠵᠢᠨ ᠲᠠᠪᠤᠨ ᠵᠢᠯ᠎ᠳᠤ ᠮᠠᠨ᠎ᠤ ᠣᠷᠣᠨ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠬᠤ ᠶᠡᠷᠦᠩᠬᠡᠢ ᠲᠣᠭ᠎ᠠ ᠵᠢ ᠵᠢᠯ ᠪᠦᠷᠢ ᠳᠤᠮᠳᠠᠴᠢ᠎ᠪᠠᠷ 10% ᠣᠷᠴᠢᠮ ᠨᠡᠮᠡᠭᠳᠡᠭᠦᠯᠦᠨ᠎ᠡ ᠭᠡᠵᠡᠢ᠃ ᠡᠭᠦᠨ᠎ᠤ ᠭᠣᠣᠯ ᠪᠣᠳᠣᠯᠬᠢᠯᠠᠯ ᠭᠡᠪᠡᠯ᠄ ᠪᠣᠯᠣᠯᠴᠠᠭ᠋ᠠᠲᠤ ᠴᠢᠨᠠᠷ᠎ᠠᠴᠠ ᠠᠪᠴᠤ ᠬᠡᠯᠡᠪᠡᠯ᠂ ᠮᠠᠨ᠎ᠤ ᠣᠷᠣᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠬᠤᠴᠤᠷᠴᠤ ᠪᠠᠢ᠌ᠬᠤ᠎ᠠᠴᠠ ᠪᠤᠯᠵᠤ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠲᠠᠯᠳᠠ ᠬᠦᠴᠦᠨ ᠪᠠᠰᠠ ᠪᠦᠷᠢᠮᠦᠰᠦᠨ ᠨᠡᠭᠡᠭᠡᠭᠳᠡᠭᠰᠡᠨ ᠦᠭᠡᠢ᠂ ᠣᠷᠣᠯᠭ᠎ᠠ ᠵᠢᠨ ᠬᠢᠷᠢ ᠬᠡᠮᠵᠢᠶ᠎ᠡ ᠳᠡᠭᠡᠭᠰᠢᠯᠡᠬᠦ ᠵᠢ ᠳᠠᠭ᠋ᠠᠯᠳᠤᠨ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠲᠠᠯᠳᠠ ᠬᠦᠴᠦᠨ᠎ᠢ ᠤᠯᠠᠮ ᠨᠢᠭᠡ ᠠᠯᠬᠤᠮ ᠨᠡᠭᠡᠭᠡᠬᠦ ᠪᠤᠯᠤᠨ᠎ᠠ᠃ 《13 · 5》 ᠵᠢᠨ ᠬᠤᠭᠤᠴᠠᠭ᠋ᠠᠨ᠎ᠳᠤ ᠪᠢᠳᠡ ᠰᠠᠭᠤᠭ᠋ᠠᠯᠢ ᠠᠷᠠᠳ᠎ᠤᠨ ᠣᠷᠣᠯᠭ᠎ᠠ ᠵᠢ 8% ᠣᠷᠴᠢᠮ ᠨᠡᠮᠡᠭᠳᠡᠭᠦᠯᠬᠦ᠎ᠪᠠᠷ ᠲᠣᠬᠢᠷᠠᠭᠤᠯᠵᠤ᠂ 《13 · 5》 ᠵᠢᠨ ᠬᠤᠭᠤᠴᠠᠭ᠋ᠠᠨ᠎ᠳᠤ ᠣᠷᠣᠯᠭ᠎ᠠ ᠬᠡᠷᠡᠭᠯᠡᠭᠡᠨ᠎ᠤ ᠬᠠᠷᠢᠮᠠᠭ ᠴᠢᠨᠠᠷ᠎ᠤᠨ ᠳᠤᠮᠳᠠᠴᠢ ᠬᠡᠮᠵᠢᠭᠳᠡᠯ᠎ᠢ 0.75᠎ᠪᠠᠷ ᠵᠢᠱ᠌ᠢᠵᠤ ᠪᠤᠳᠤᠪᠠᠯ᠂ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ   ᠬᠤᠳᠠᠯᠳᠤᠬᠤ ᠶᠡᠷᠦᠩᠬᠡᠢ ᠲᠣᠭ᠎ᠠ ᠵᠢ ᠵᠢᠯ ᠪᠦᠷᠢ ᠳᠤᠮᠳᠠᠴᠢ᠎ᠪᠠᠷ 10.5% ᠣᠷᠴᠢᠮ ᠨᠡᠮᠡᠭᠳᠡᠭᠦᠯᠦᠨ᠎ᠡ; ᠴᠢᠬᠤᠯᠠ ᠴᠢᠨᠠᠷ᠎ᠤᠨ ᠬᠤᠪᠢ᠎ᠠᠴᠠ ᠠᠪᠴᠤ ᠬᠡᠯᠡᠪᠡᠯ᠂ ᠬᠡᠷᠡᠭᠯᠡᠭᠡ ᠵᠢ ᠥᠷᠭᠡᠳᠬᠡᠬᠦ ᠪᠣᠯ ᠠᠵᠤ ᠠᠬᠤᠶ ᠵᠢᠨ ᠨᠡᠮᠡᠭᠳᠡᠯ᠎ᠤᠨ ᠳᠣᠲᠣᠭ᠋ᠠᠳᠤ ᠬᠥᠳᠡᠯᠭᠡᠬᠦ ᠬᠦᠴᠦᠨ᠎ᠢ ᠳᠡᠭᠡᠭᠰᠢᠯᠡᠭᠦᠯᠬᠦ ᠱᠠᠭ᠋ᠠᠷᠳᠠᠯᠭ᠎ᠠ ᠮᠥᠨ᠃ ᠥᠩᠭᠡᠷᠡᠭᠰᠡᠨ᠎ᠳᠤ᠂ ᠮᠠᠨ᠎ᠤ ᠣᠷᠣᠨ᠎ᠤ ᠠᠵᠤ ᠠᠬᠤᠶ ᠵᠢᠨ ᠨᠡᠮᠡᠭᠳᠡᠯ ᠭᠣᠣᠯᠳᠠᠭᠤ ᠪᠡᠯᠡ ᠣᠷᠣᠭᠤᠯᠤᠯᠲᠠ ᠵᠢᠨ ᠲᠠᠢ᠍ᠢ᠍ᠴᠢᠯᠠᠯᠲᠠ᠎ᠳᠤ ᠲᠦᠰᠢᠭᠯᠡᠵᠦ ᠪᠠᠢ᠌ᠵᠠᠢ᠂ 《13 · 5》 ᠵᠢᠨ ᠬᠤᠭᠤᠴᠠᠭ᠋ᠠᠨ᠎ᠳᠤ᠂ ᠠᠵᠤ ᠠᠬᠤᠶ ᠵᠢᠨ ᠨᠡᠮᠡᠭᠳᠡᠯ᠎ᠢ ᠲᠦᠯᠬᠢᠨ ᠠᠬᠢᠭᠤᠯᠵᠤ ᠪᠠᠯᠡ ᠣᠷᠣᠭᠤᠯᠤᠯᠲᠠ ᠬᠢᠭᠡᠳ ᠬᠡᠷᠡᠭᠯᠡᠭᠡ ᠵᠢ ᠵᠣᠬᠢᠴᠠᠩᠭᠤᠶ᠎ᠪᠠᠷ ᠳᠠᠶ᠋ᠢᠴᠢᠯᠠᠬᠤ ᠳᠡᠰᠢ ᠬᠤᠪᠢᠷᠠᠭᠤᠯᠵᠤ᠂ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠬᠤ ᠶᠡᠷᠦᠩᠬᠡᠢ ᠲᠣᠭ᠎ᠠ ᠵᠢ ᠵᠢᠯ ᠪᠦᠷᠢ ᠳᠤᠮᠳᠠᠴᠢ᠎ᠪᠠᠷ 10% ᠣᠷᠴᠢᠮ ᠨᠡᠮᠡᠭᠳᠡᠭᠦᠯᠬᠦ᠎ᠪᠠᠷ ᠲᠣᠬᠢᠷᠠᠭᠤᠯᠵᠤ᠂ ᠪᠡᠯᠡ ᠣᠷᠣᠭᠤᠯᠤᠯᠲᠠ ᠵᠢᠨ ᠨᠡᠮᠡᠭᠳᠡᠯ᠎ᠲᠠᠢ ᠠᠳᠠᠯᠢ ᠠᠯᠬᠤᠮ᠎ᠲᠠᠢ ᠪᠠᠢ᠌ᠯᠭ᠋ᠠᠬᠤ ᠪᠤᠯᠬᠤᠷ᠂ ᠢᠯᠡ ᠲᠣᠳᠣᠷᠬᠠᠶ ᠤᠳᠤᠷᠢᠳᠤᠮᠵᠢ ᠵᠢᠨ ᠦᠢ᠍ᠯᠡᠳᠦᠯ᠎ᠲᠠᠢ ᠶᠤᠮ᠃
      ᠸᠠᠩ ᠵᠢᠨ ᠪᠣᠣ᠄
     (ᠲᠠᠪᠤ) ᠡᠳ᠋᠎ᠤᠨ ᠵᠠᠰᠠᠭ᠎ᠤᠨ ᠣᠷᠣᠯᠭ᠎ᠠ ᠵᠢᠨ ᠨᠡᠮᠡᠭᠳᠡᠯ᠎ᠤᠨ ᠲᠤᠬᠠᠢ
     《ᠬᠦᠲᠦᠯᠪᠦᠷᠢ》᠎ᠳᠤ ᠳᠤᠷᠠᠳᠤᠭᠰᠠᠨ᠎ᠨᠢ᠂ ᠬᠣᠶ᠋ᠢᠰᠢᠳᠠ ᠵᠢᠨ ᠲᠠᠪᠤᠨ ᠵᠢᠯ᠎ᠳᠤ ᠮᠠᠨ᠎ᠤ ᠣᠷᠣᠨ ᠡᠩ᠎ᠤᠨ ᠤᠯᠠᠨ ᠨᠡᠶ᠋ᠢᠲᠡ ᠵᠢᠨ ᠲᠥᠰᠦᠪ᠎ᠤᠨ ᠣᠷᠣᠯᠭ᠎ᠠ ᠵᠢᠯ ᠪᠦᠷᠢ ᠳᠤᠮᠳᠠᠴᠢ᠎ᠪᠠᠷ 7% ᠣᠷᠴᠢᠮ ᠨᠡᠮᠡᠭᠳᠡᠬᠦ ᠪᠣᠯᠤᠨ᠎ᠠ᠃ ᠡᠭᠦᠨ᠎ᠤ ᠭᠣᠣᠯ ᠪᠣᠳᠣᠯᠬᠢᠯᠠᠯ ᠭᠡᠪᠡᠯ᠄ ᠨᠢᠭᠡᠳᠦᠭᠡᠷ᠎ᠲᠤ᠂ ᠤᠯᠤᠰ᠎ᠠᠴᠠ ᠦᠷᠭᠦᠯᠵᠢᠯᠡᠨ ᠪᠦᠲᠦᠴᠡ ᠵᠢᠨ ᠴᠢᠨᠠᠷᠲᠠᠶ ᠭᠠᠶ᠋ᠢᠯᠢ ᠬᠦᠩᠭᠡᠯᠡᠬᠦ᠂ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠶ ᠭᠠᠶ᠋ᠢᠯᠢ ᠬᠥᠩᠭᠡᠯᠡᠬᠦ ᠪᠠ ᠲᠦᠭᠡᠮᠡᠯ ᠴᠢᠨᠠᠷᠲᠠᠶ᠎ᠪᠠᠷ ᠰᠦᠢ᠍ᠳᠬᠡᠯ ᠪᠠᠭᠤᠷᠠᠭᠤᠯᠬᠤ ᠲᠦᠷᠦ ᠵᠢᠨ ᠪᠤᠳᠤᠯᠭ᠎ᠠ ᠵᠢ ᠬᠡᠷᠡᠭᠵᠢᠭᠦᠯᠵᠦ᠂ ᠲᠦᠷᠦ ᠵᠢᠨ ᠪᠤᠳᠤᠯᠭ᠎ᠠ ᠵᠢᠨ ᠴᠢᠨᠠᠷᠲᠠᠶ ᠣᠷᠣᠯᠭ᠎ᠠ ᠵᠢᠨ ᠬᠠᠰᠤᠭᠳᠠᠯ ᠤᠯᠠᠮ ᠨᠢᠭᠡ ᠠᠯᠬᠤᠮ ᠨᠡᠮᠡᠭᠳᠡᠬᠦ ᠪᠣᠯᠤᠨ᠎ᠠ; ᠬᠣᠶᠠᠳᠤᠭ᠋ᠠᠷ᠎ᠲᠤ᠂ ᠳᠡᠯᠡᠬᠡᠶ ᠵᠢᠨ ᠪᠠ ᠤᠯᠤᠰ᠎ᠤᠨ ᠳᠣᠲᠣᠭ᠋ᠠᠳᠤ ᠵᠢᠨ ᠶᠡᠬᠡ ᠬᠡᠮᠵᠢᠶᠡᠨ᠎ᠤ ᠦᠢ᠍ᠯᠡᠳᠬᠦᠨ᠎ᠤ ᠦᠨ᠎ᠡ ᠬᠠᠩᠰᠢ ᠦᠷᠭᠦᠯᠵᠢᠯᠡᠨ ᠪᠠᠭᠤᠷᠠᠵᠤ᠂ ᠢᠯᠠᠩᠭᠤᠶ᠎ᠠ ᠨᠡᠭᠦᠷᠡᠰᠦᠨ᠎ᠤ ᠦᠨ᠎ᠡ ᠬᠠᠩᠰᠢ ᠪᠠᠭᠤᠷᠠᠬᠤ ᠶᠠᠪᠤᠳᠠᠯ ᠮᠥᠨ ᠯᠡ ᠮᠠᠨ᠎ᠤ ᠣᠷᠣᠨ᠎ᠤ ᠡᠳ᠋᠎ᠤᠨ ᠵᠠᠰᠠᠭ᠎ᠤᠨ ᠣᠷᠣᠯᠭ᠎ᠠ ᠵᠢ ᠨᠡᠯᠢᠶᠡᠳ ᠶᠡᠬᠡ᠎ᠪᠠᠷ ᠨᠦᠯᠦᠭᠡᠯᠡᠵᠦ ᠪᠠᠢ᠌ᠨ᠎ᠠ᠂ ᠣᠳᠣᠬᠠᠨ᠎ᠤ ᠪᠠᠶ᠋ᠢᠳᠠᠯ᠎ᠠᠴᠠ ᠦᠵᠡᠪᠡᠯ᠂ ᠨᠡᠭᠦᠷᠡᠰᠦ ᠵᠡᠷᠭᠡ ᠡᠨᠧᠷᠭᠢ ᠵᠢᠨ ᠦᠢ᠍ᠯᠡᠳᠬᠦᠨ᠎ᠤ ᠦᠨ᠎ᠡ ᠬᠠᠩᠰᠢ ᠶᠡᠷᠦᠩᠬᠡᠢ ᠬᠡᠯᠪᠡᠯᠵᠡᠬᠦ ᠪᠠᠶ᠋ᠢᠳᠠᠯ ᠣᠬᠣᠷᠬᠠᠨ ᠬᠤᠭᠤᠴᠠᠭ᠋ᠠᠨ᠎ᠳᠤ ᠢᠯᠡᠷᠬᠡᠶ ᠰᠠᠢ᠌ᠵᠢᠷᠠᠬᠤ ᠦᠭᠡᠢ; ᠭᠤᠷᠪᠠᠳᠤᠭ᠋ᠠᠷ᠎ᠲᠤ᠂ 2017 ᠤᠨ᠎ᠠᠴᠠ ᠬᠤᠢ᠌ᠰᠢ᠂ ᠣᠨᠴᠠ ᠥᠨᠳᠥᠷ ᠳᠠᠷᠤᠯᠲᠠᠲᠤ ᠴᠠᠬᠢᠯᠭ᠋ᠠᠨ ᠬᠦᠴᠦᠨ᠎ᠢ ᠭᠠᠳᠠᠭᠰᠢ ᠬᠦᠷᠭᠡᠬᠦ ᠵᠠᠮ ᠬᠢᠭᠡᠳ ᠢᠵᠢ ᠪᠦᠷᠢᠳᠦᠭᠦᠯᠦᠭᠰᠡᠨ ᠴᠠᠬᠢᠯᠭ᠋ᠠᠨ ᠭᠠᠷᠭ᠋ᠠᠬᠤ ᠴᠢᠭ᠋᠂ ᠬᠤᠷᠳᠤᠴᠠᠲᠤ ᠲᠡᠮᠦᠷ ᠵᠠᠮ ᠵᠡᠷᠭᠡ ᠨᠢᠭᠡ ᠪᠦᠯᠦᠭ 《ᠲᠠᠪᠤᠨ ᠶᠡᠬᠡ ᠰᠠᠭᠤᠷᠢᠨ ᠭᠠᠵᠠᠷ》᠎ᠢ ᠤᠶᠠᠯᠳᠤᠭᠤᠯᠤᠭᠰᠠᠨ ᠪᠦᠳᠦᠭᠡᠨ ᠪᠠᠶ᠋ᠢᠭᠤᠯᠤᠯᠲᠠ ᠵᠢᠨ ᠴᠢᠬᠤᠯᠠ ᠶᠡᠬᠡ ᠲᠦᠷᠦᠯ ᠵᠦᠢ᠍ᠯ᠎ᠤᠨ ᠵᠠᠯᠭ᠋ᠠᠯᠳᠤᠭ᠋ᠠᠪᠠᠷ ᠪᠠᠶ᠋ᠢᠭᠤᠯᠵᠤ ᠠᠰᠢᠭᠯᠠᠯᠲᠠ᠎ᠳᠤ ᠤᠷᠤᠭᠤᠯᠬᠤ ᠵᠢ ᠳᠠᠭ᠋ᠠᠯᠳᠤᠨ᠂ ᠠᠵᠤ ᠠᠬᠤᠶ ᠵᠢᠨ ᠰᠢᠨ᠎ᠡ ᠨᠡᠮᠡᠭᠳᠡᠯ᠎ᠤᠨ ᠴᠢᠭ᠋ ᠲᠦᠷᠭᠡᠨ ᠪᠤᠢ᠌ᠵᠢᠵᠤ᠂ ᠬᠥᠭᠵᠢᠯᠲᠡ ᠵᠢᠨ ᠲᠠᠯᠳᠠ ᠬᠦᠴᠦᠨ ᠪᠠ ᠰᠡᠯᠭᠦᠬᠦ ᠬᠦᠴᠦ ᠴᠢᠩᠭ᠋ᠠᠷᠠᠵᠤ᠂ ᠡᠳ᠋᠎ᠤᠨ ᠵᠠᠰᠠᠭ᠎ᠤᠨ ᠣᠷᠣᠯᠭ᠎ᠠ᠎ᠨᠢ ᠠᠵᠤ ᠠᠬᠤᠶ ᠵᠢᠨ ᠨᠡᠮᠡᠭᠳᠡᠯ᠎ᠤᠨ ᠠᠳᠠᠯᠢ᠎ᠪᠠᠷ 《ᠳᠣᠣᠷ᠎ᠠ ᠦᠨ᠎ᠡ᠎ᠠᠴᠠ ᠳᠡᠭᠡᠭᠰᠢᠯᠡᠭᠦᠯᠬᠦ》 ᠪᠠᠶ᠋ᠢᠳᠠᠯ ᠢᠯᠡᠷᠡᠵᠦ᠂ 《13 · 5》 ᠵᠢᠨ ᠰᠡᠭᠦᠯᠴᠢ ᠵᠢᠨ ᠬᠡᠳᠦᠨ ᠵᠢᠯ᠎ᠤᠨ ᠨᠡᠮᠡᠭᠳᠡᠯ᠎ᠤᠨ ᠬᠤᠷᠳᠤᠴᠠ ᠠᠭ᠋ᠠᠵᠢᠮ ᠵᠶ᠋ᠠᠷ ᠳᠡᠭᠡᠭᠰᠢᠯᠡᠵᠦ ᠮᠡᠳᠡᠨ᠎ᠡ᠃
     (ᠵᠢᠷᠭᠤᠭ᠎ᠠ) ᠮᠠᠯᠵᠢᠬᠤ ᠲᠠᠷᠢᠶᠠᠯᠠᠬᠤ ᠣᠷᠣᠨ᠎ᠤ ᠶᠠᠳᠠᠭᠤ ᠬᠦᠴᠢᠷᠳᠡᠯᠲᠡᠶ ᠬᠥᠮᠦᠨ ᠠᠮᠠ ᠵᠢ ᠶᠠᠳᠠᠭᠤ᠎ᠠᠴᠠ ᠠᠩᠭᠢᠵᠢᠷᠠᠭᠤᠯᠬᠤ ᠲᠤᠬᠠᠶ
     《ᠬᠦᠲᠦᠯᠪᠦᠷᠢ》᠎ᠳᠤ ᠳᠤᠷᠠᠳᠤᠭᠰᠠᠨ᠎ᠨᠢ᠂ 2020 ᠣᠨ ᠪᠤᠯᠬᠤ᠎ᠳᠤ ᠤᠯᠤᠰ᠎ᠤᠨ ᠤᠳᠤ ᠵᠢᠨ ᠬᠡᠷᠡᠭᠵᠢᠭᠦᠯᠵᠦ ᠪᠠᠶ᠋ᠢᠭ᠎ᠠ ᠪᠠᠷᠢᠮᠵᠢᠶ᠎ᠠ᠎ᠪᠠᠷ ᠪᠦᠬᠦ ᠣᠷᠣᠨ ᠮᠠᠯᠵᠢᠬᠤ ᠲᠠᠷᠢᠶᠠᠯᠠᠬᠤ ᠣᠷᠣᠨ᠎ᠤ ᠶᠠᠳᠠᠭᠤ ᠬᠦᠴᠢᠷᠳᠡᠯᠲᠡᠶ 80.3 ᠲᠦᠮᠡᠨ ᠬᠥᠮᠦᠨ ᠠᠮᠠ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠬᠤ ᠵᠢ ᠪᠡᠶᠡᠯᠡᠭᠦᠯᠵᠦ᠂ ᠶᠠᠳᠠᠭᠤ ᠬᠦᠴᠢᠷᠳᠡᠯᠲᠡᠶ 57 ᠬᠣᠰᠢᠭᠤ ᠰᠢᠶᠠᠨ᠎ᠤ ᠶᠠᠳᠠᠭᠤ ᠬᠦᠴᠢᠷᠳᠡᠯᠲᠡᠢ ᠮᠠᠯᠠᠭ᠋ᠠᠢ ᠵᠢ ᠲᠠᠶᠠᠭᠳᠠᠵᠤ᠂ ᠣᠷᠣᠨ ᠪᠦᠰᠡ ᠵᠢᠨ ᠴᠢᠨᠠᠷᠲᠠᠶ ᠪᠦᠬᠦᠯᠢ ᠴᠣᠭᠴᠠ ᠵᠢᠨ ᠶᠠᠳᠠᠭᠤ ᠬᠦᠴᠢᠷᠳᠡᠯ᠎ᠢ ᠰᠢᠢ᠍ᠳᠪᠦᠷᠢᠯᠡᠨ᠎ᠡ ᠭᠡᠵᠡᠢ᠃ ᠡᠭᠦᠨ᠎ᠤ ᠭᠣᠣᠯ ᠪᠣᠳᠣᠯᠬᠢᠯᠠᠯ ᠭᠡᠪᠡᠯ᠄ ᠨᠢᠭᠡᠳᠦᠭᠡᠷ᠎ᠲᠤ᠂ ᠲᠥᠪ ᠬᠣᠷᠢᠶᠠᠨ᠎ᠤ 《ᠰᠠᠨᠠᠭᠤᠯᠭ᠎ᠠ》᠎ᠳᠤ 2020 ᠣᠨ ᠪᠣᠯᠬᠤ᠎ᠳᠤ ᠤᠳᠤ ᠵᠢᠨ ᠬᠡᠷᠡᠭᠵᠢᠭᠦᠯᠵᠦ ᠪᠠᠶ᠋ᠢᠭ᠎ᠠ ᠪᠠᠷᠢᠮᠵᠢᠶ᠎ᠠ᠎ᠪᠠᠷ ᠬᠥᠳᠡᠭᠡ ᠲᠣᠰᠬᠣᠨ᠎ᠤ ᠶᠠᠳᠠᠭᠤ ᠬᠦᠴᠢᠷᠳᠡᠯᠲᠡᠶ ᠬᠥᠮᠦᠨ ᠠᠮᠠ ᠵᠢ ᠶᠠᠳᠠᠭᠤ᠎ᠠᠴᠠ ᠠᠩᠭᠢᠵᠢᠷᠠᠬᠤ᠂ ᠶᠠᠳᠠᠭᠤ ᠬᠦᠴᠢᠷᠳᠡᠯᠲᠡᠶ ᠰᠢᠶᠠᠨ᠎ᠤ ᠶᠠᠳᠠᠭᠤ ᠬᠦᠴᠢᠷᠳᠡᠯᠲᠡᠢ ᠮᠠᠯᠠᠭ᠋ᠠᠢ ᠵᠢ ᠲᠠᠶᠠᠭᠳᠠᠬᠤ ᠵᠢ ᠪᠡᠶᠡᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ; ᠬᠣᠶᠠᠳᠤᠭ᠋ᠠᠷ᠎ᠲᠤ᠂ 《13 · 5》 ᠵᠢᠨ ᠬᠤᠭᠤᠴᠠᠭ᠋ᠠᠨ᠎ᠳᠤ ᠤᠯᠤᠰ᠎ᠤᠨ ᠲᠡᠳᠬᠦᠨ ᠲᠤᠰᠠᠯᠠᠬᠤ ᠲᠦᠷᠦ ᠵᠢᠨ ᠪᠤᠳᠤᠯᠭ᠎ᠠ᠂ ᠬᠢᠨᠠᠨ ᠰᠢᠯᠭ᠋ᠠᠬᠤ ᠪᠠᠷᠢᠮᠵᠢᠶ᠎ᠠ᠎ᠲᠠᠢ ᠨᠡᠩ ᠰᠠᠢ᠌ᠨ ᠠᠪᠤᠴᠠᠯᠳᠤᠭᠤᠯᠬᠤ ᠵᠢᠨ ᠲᠦᠯᠦᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠶᠢᠰᠦᠳᠦᠭᠡᠷ ᠬᠤᠭᠤᠴᠠᠭ᠋ᠠᠨ᠎ᠤ ᠠᠷᠪᠠᠨ ᠳᠥᠷᠪᠡᠳᠦᠭᠡᠷ ᠤᠳᠠᠭ᠋ᠠᠨ᠎ᠤ ᠪᠦᠬᠦ ᠭᠡᠰᠢᠭᠦᠳ᠎ᠤᠨ ᠬᠤᠷᠠᠯᠳᠤᠭ᠋ᠠᠨ᠎ᠳᠤ ᠬᠣᠶ᠋ᠢᠰᠢᠳᠠ ᠵᠢᠨ 5 ᠵᠢᠯ᠎ᠳᠤ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ᠎ᠳᠤ ᠤᠯᠤᠰ᠎ᠤᠨ ᠪᠠᠷᠢᠮᠵᠢᠶ᠎ᠠ ᠵᠢ ᠨᠢᠭᠡᠳᠦᠯᠲᠡᠢ ᠬᠡᠷᠡᠭᠵᠢᠭᠦᠯᠵᠦ᠂ ᠤᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠭᠲᠠᠭ᠋ᠠᠭᠰᠠᠨ ᠶᠠᠳᠠᠭᠤ᠎ᠠᠴᠠ ᠠᠩᠭᠢᠵᠢᠷᠠᠭᠤᠯᠬᠤ ᠪᠠᠷᠢᠮᠵᠢᠶ᠎ᠠ ᠱᠤᠭᠤᠮ᠎ᠠᠴᠠ ᠳᠤᠷᠤᠭᠰᠢᠬᠢ ᠶᠠᠳᠠᠭᠤ ᠬᠦᠴᠢᠷᠳᠡᠯᠲᠡᠶ ᠬᠥᠮᠦᠨ ᠠᠮᠠ ᠵᠢ ᠦᠷᠭᠦᠯᠵᠢᠯᠡᠨ ᠲᠡᠳᠬᠦᠨ ᠳᠡᠮᠵᠢᠬᠦ ᠬᠦᠷᠢᠶ᠎ᠡ ᠬᠡᠪᠴᠢᠶᠡᠨ᠎ᠳᠤ ᠣᠷᠣᠭᠤᠯᠵᠤ᠂ ᠬᠣᠯᠪᠣᠭᠳᠠᠯ ᠪᠦᠬᠦᠢ ᠲᠡᠳᠬᠦᠨ ᠳᠡᠮᠵᠢᠬᠦ ᠲᠦᠷᠦ ᠵᠢᠨ ᠪᠤᠳᠤᠯᠭ᠎ᠠ ᠵᠢ ᠡᠳ᠋ᠯᠡᠨ᠎ᠡ᠂ ᠭᠡᠪᠡᠴᠦ ᠪᠥᠬᠥ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠬᠢᠨᠠᠨ ᠰᠢᠯᠭ᠋ᠠᠬᠤ ᠬᠡᠪᠴᠢᠶᠡᠨ᠎ᠳᠤ ᠣᠷᠣᠭᠤᠯᠬᠤ ᠥᠭᠡᠢ; ᠭᠤᠷᠪᠠᠳᠤᠭ᠋ᠠᠷ᠎ᠲᠤ᠂ 《13 · 5》 ᠵᠢᠨ ᠬᠤᠭᠤᠴᠠᠭ᠋ᠠᠨ᠎ᠳᠤ ᠮᠠᠨ᠎ᠤ ᠣᠷᠣᠨ ᠵᠢᠯ ᠪᠦᠷᠢ ᠳᠤᠮᠳᠠᠴᠢ᠎ᠪᠠᠷ 35.6 ᠲᠦᠮᠡᠨ ᠬᠦᠮᠦᠨ ᠶᠠᠳᠠᠭᠤ᠎ᠠᠴᠠ ᠠᠩᠭᠢᠵᠢᠷᠠᠵᠤ᠂ 《13 · 5》 ᠵᠢᠨ ᠬᠤᠭᠤᠴᠠᠭ᠋ᠠᠨ᠎ᠳᠤ ᠵᠥᠪᠬᠡᠨ ᠵᠢᠯ ᠪᠦᠷᠢ ᠳᠤᠮᠳᠠᠴᠢ᠎ᠪᠠᠷ16.06 ᠲᠦᠮᠡᠨ ᠬᠥᠮᠦᠨ᠎ᠢ ᠶᠠᠳᠠᠭᠤ᠎ᠠᠴᠠ ᠠᠩᠭᠢᠵᠢᠷᠠᠭᠤᠯᠤᠨ᠎ᠠ᠂ ᠬᠡᠳᠦᠢ᠌ᠪᠡᠷ ᠦᠯᠡᠳᠡᠭᠰᠡᠨ ᠶᠠᠳᠠᠭᠤ ᠬᠦᠴᠢᠷᠳᠡᠯᠲᠡᠶ ᠬᠥᠮᠦᠨ ᠠᠮᠠ ᠵᠢ ᠶᠠᠳᠠᠭᠤ᠎ᠠᠴᠠ ᠠᠩᠭᠢᠵᠢᠷᠠᠭᠤᠯᠬᠤ ᠬᠦᠴᠢᠷ᠎ᠤᠨ ᠬᠡᠮᠵᠢᠶ᠎ᠡ᠎ᠨᠢ ᠨᠡᠯᠢᠶᠡᠳ ᠶᠡᠬᠡ᠂ ᠡᠭᠦᠷᠭᠡ ᠬᠠᠲᠠᠭᠤ ᠪᠡᠷᠬᠡ ᠪᠤᠯᠪᠠᠴᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠠᠴᠠ ᠲᠡᠳᠬᠦᠬᠦ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠨᠠᠷᠢᠯᠢᠭ ᠤᠨᠤᠪᠴᠢᠲᠠᠢ᠎ᠪᠠᠷ ᠶᠠᠳᠠᠭᠤ ᠵᠢ ᠲᠡᠳᠬᠦᠬᠦ᠂ ᠨᠠᠷᠢᠯᠢᠭ ᠤᠨᠤᠪᠴᠢᠲᠠᠢ᠎ᠪᠠᠷ ᠶᠠᠳᠠᠭᠤ᠎ᠠᠴᠠ ᠠᠩᠭᠢᠵᠢᠷᠠᠭᠤᠯᠬᠤ ᠵᠢ ᠬᠡᠷᠡᠭᠵᠢᠭᠦᠯᠵᠦ᠂ ᠲᠥᠪ ᠪᠣᠯᠤᠨ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠠᠵᠢᠯ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠦᠨᠳᠦᠰᠦᠯᠡᠨ᠂ ᠨᠢᠭᠡ ᠪᠦᠯᠦᠭ᠎ᠢ᠎ᠨᠢ ᠤᠨᠴᠠᠯᠢᠭᠳᠤ ᠠᠵᠤ ᠦᠢ᠍ᠯᠡᠰ᠎ᠢ ᠲᠡᠳᠬᠦᠨ ᠬᠦᠭᠵᠢᠭᠦᠯᠬᠦ᠎ᠤᠨ ᠶᠠᠳᠠᠭᠤ᠎ᠠᠴᠠ ᠠᠩᠭᠢᠵᠢᠷᠠᠭᠤᠯᠵᠤ᠂ ᠨᠢᠭᠡ ᠪᠦᠯᠦᠭ᠎ᠢ᠎ᠨᠢ ᠬᠤᠶᠠᠷ᠂ ᠭᠤᠷᠪᠠᠳᠤᠭ᠋ᠠᠷ ᠠᠵᠤ ᠦᠢ᠍ᠯᠡᠰ᠎ᠳᠤ ᠰᠢᠯᠵᠢᠭᠦᠯᠬᠦ ᠪᠠ ᠠᠮᠢ ᠠᠬᠤᠶ ᠵᠢᠨ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠪᠠᠢ᠌ᠭᠤᠯᠤᠨ ᠶᠠᠳᠠᠭᠤ᠎ᠠᠴᠠ ᠠᠩᠭᠢᠵᠢᠷᠠᠭᠤᠯᠵᠤ᠂ ᠨᠢᠭᠡ ᠪᠦᠯᠦᠭ᠎ᠢ᠎ᠨᠢ ᠣᠨᠳᠣᠣ ᠭᠠᠵᠠᠷ ᠨᠡᠭᠦᠯᠭᠡᠨ ᠶᠠᠳᠠᠭᠤ᠎ᠠᠴᠠ ᠠᠩᠭᠢᠵᠢᠷᠠᠭᠤᠯᠵᠤ᠂ ᠨᠢᠭᠡ ᠪᠦᠯᠦᠭ᠎ᠢ᠎ᠨᠢ ᠰᠤᠷᠭ᠋ᠠᠨ ᠬᠥᠮᠦᠵᠢᠯ᠎ᠢ ᠬᠦᠭᠵᠢᠭᠦᠯᠬᠦ᠎ᠪᠠᠷ ᠶᠠᠳᠠᠭᠤ᠎ᠠᠴᠠ ᠠᠩᠭᠢᠵᠢᠷᠠᠭᠤᠯᠵᠤ᠂ ᠨᠢᠭᠡ ᠪᠦᠯᠦᠭ᠎ᠢ᠎ᠨᠢ ᠨᠡᠶ᠋ᠢᠭᠡᠮ᠎ᠤᠨ ᠪᠠᠲᠤᠯᠠᠭ᠎ᠠ ᠵᠢᠨ ᠲᠦᠷᠦ ᠵᠢᠨ ᠪᠤᠳᠤᠯᠭ᠎ᠠ ᠵᠢᠨ ᠪᠠᠲᠤᠯᠠᠭ᠎ᠠ᠎ᠪᠠᠷ ᠶᠠᠳᠠᠭᠤ᠎ᠠᠴᠠ ᠠᠩᠭᠢᠵᠢᠷᠠᠭᠤᠯᠬᠤ 《ᠲᠠᠪᠤᠨ ᠨᠢᠭᠡ ᠪᠦᠯᠦᠭ》 ᠢᠨᠵᠧᠨᠧᠷᠢᠩ ᠵᠶ᠋ᠡᠷ ᠳᠠᠮᠵᠢᠭᠤᠯᠤᠨ᠂ ᠬᠣᠶ᠋ᠢᠰᠢᠳᠠ ᠵᠢᠯ ᠪᠦᠷᠢ16.06 ᠲᠦᠮᠡᠨ ᠶᠠᠳᠠᠭᠤ ᠬᠦᠴᠢᠷᠳᠡᠯᠲᠡᠢ ᠬᠦᠮᠦᠨ᠎ᠢ ᠪᠠᠭ᠋ᠠᠰᠬᠠᠬᠤ ᠡᠭᠦᠷᠭᠡ ᠵᠢ ᠪᠦᠷᠢᠮᠦᠰᠦᠨ ᠪᠡᠶᠡᠯᠡᠭᠦᠯᠵᠦ ᠴᠢᠳᠠᠬᠤ ᠶᠤᠮ᠃
      ᠸᠠᠩ ᠵᠢᠨ ᠪᠦᠦ᠄
     (ᠳᠤᠯᠤᠭ᠎ᠠ) ᠡᠷᠦᠬᠡ ᠠᠮᠠ ᠵᠢᠨ ᠬᠤᠳᠠ ᠪᠠᠯᠭ᠋ᠠᠰᠤᠵᠢᠯᠳᠡ ᠵᠢᠨ ᠨᠤᠷᠮ᠎ᠠ ᠵᠢᠨ ᠲᠤᠬᠠᠢ
      ᠡᠷᠦᠭᠡ ᠠᠮᠠ ᠵᠢᠨ ᠬᠤᠲᠠ ᠪᠠᠯᠭ᠋ᠠᠰᠤᠵᠢᠯᠲᠠ ᠵᠢᠨ ᠨᠤᠷᠮ᠎ᠠ᠎ᠨᠢ ᠬᠤᠳᠠ ᠪᠠᠯᠭ᠋ᠠᠰᠤᠵᠢᠯᠳᠠ ᠵᠢᠨ ᠡᠷᠡᠭᠦᠯ ᠮᠡᠨᠳᠦ ᠵᠢᠨ ᠬᠡᠮᠵᠢᠶ᠎ᠡ ᠵᠢ ᠰᠢᠭᠤᠳ ᠲᠤᠰᠬᠠᠨ᠎ᠠ᠃ 2015 ᠣᠨ᠎ᠳᠤ ᠮᠠᠨ᠎ᠤ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠬᠤᠳᠠ ᠪᠠᠯᠭ᠋ᠠᠰᠤᠵᠢᠯᠳᠡ ᠵᠢᠨ ᠨᠤᠷᠮ᠎ᠠ ᠵᠢᠱ᠌ᠢᠯᠲᠡ᠎ᠪᠠᠷ 60.3%᠎ᠳᠤ ᠬᠦᠷᠴᠦ᠂ ᠡᠷᠦᠭᠡ ᠠᠮᠠ ᠵᠢᠨ ᠬᠤᠲᠠ ᠪᠠᠯᠭ᠋ᠠᠰᠤᠵᠢᠯᠲᠠ ᠵᠢᠨ ᠨᠤᠷᠮ᠎ᠠ 43% ᠣᠷᠴᠢᠮ ᠬᠦᠷᠴᠦ᠂ ᠡᠨᠡ᠎ᠨᠢ 430 ᠲᠦᠮᠡ ᠣᠷᠴᠢᠮ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠶ᠋ᠠᠷ ᠭᠣᠣᠯ ᠴᠣᠭᠴᠠ ᠪᠤᠯᠭ᠋ᠠᠭᠰᠠᠨ ᠭᠠᠳᠠᠨ᠎ᠠ᠎ᠠᠴᠠ ᠢᠷᠡᠭᠰᠡᠨ ᠪᠠᠶ᠋ᠢᠩᠭᠤ ᠰᠠᠭᠤᠭ᠎ᠠ ᠬᠥᠮᠦᠨ ᠠᠮᠠ᠂ ᠣᠳᠣᠬᠠᠨ᠎ᠳᠤ ᠮᠦᠨ ᠬᠤᠲᠠ ᠪᠠᠯᠭ᠋ᠠᠰᠤᠨ᠎ᠤ ᠠᠵᠢᠯ ᠣᠯᠭᠣᠯᠲᠠ᠂ ᠣᠷᠣᠨ ᠰᠠᠭᠤᠴᠠ᠂ ᠡᠮ ᠡᠮᠨᠡᠯᠭᠡ᠂ ᠦᠷ᠎ᠡ ᠬᠡᠦᠬᠡᠳ᠎ᠤᠨ ᠰᠤᠷᠭ᠋ᠠᠭᠤᠯᠢ᠎ᠳᠤ ᠣᠷᠣᠬᠤ᠂ ᠨᠡᠶ᠋ᠢᠭᠡᠮ᠎ᠤᠨ ᠪᠠᠲᠤᠯᠠᠭ᠎ᠠ ᠵᠡᠷᠭᠡ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢ ᠡᠷᠬᠡ ᠲᠡᠭᠰᠢ᠎ᠪᠠᠷ ᠬᠦᠷᠲᠡᠵᠦ ᠴᠢᠳᠠᠭᠰᠠᠨ ᠦᠭᠡᠢ ᠵᠢ ᠬᠠᠷᠠᠭᠤᠯᠵᠤ ᠪᠠᠢ᠌ᠨ᠎ᠠ᠃
      ᠡᠷᠦᠭᠡ ᠠᠮᠠ ᠵᠢᠨ ᠬᠤᠲᠠ ᠪᠠᠯᠭ᠋ᠠᠰᠤᠵᠢᠯᠲᠠ ᠵᠢᠨ ᠨᠤᠷᠮ᠎ᠠ ᠵᠢ ᠳᠡᠭᠡᠭᠰᠢᠯᠡᠭᠦᠯᠬᠦ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠬᠠᠩᠭ᠋ᠠᠯᠭ᠎ᠠ ᠵᠢᠨ ᠲᠠᠯ᠎ᠠ᠎ᠠᠴᠠ ᠦᠵᠡᠪᠡᠯ᠂ ᠬᠥᠳᠡᠯᠮᠦᠷᠢᠯᠡᠬᠦ ᠨᠠᠰᠤᠨ᠎ᠤ ᠪᠦᠬᠦ ᠬᠡᠮᠵᠢᠶ᠎ᠡ ᠬᠠᠰᠤᠭᠳᠠᠭᠰᠠᠨ ᠪᠠᠶ᠋ᠢᠳᠠᠯ ᠳᠣᠣᠷ᠎ᠠ᠂ ᠬᠥᠳᠡᠯᠮᠦᠷᠢ ᠬᠦᠴᠦᠨ᠎ᠤ ᠬᠠᠩᠭ᠋ᠠᠯᠭ᠎ᠠ ᠪᠠ ᠴᠠᠯᠢᠩ ᠬᠥᠯᠥᠰᠥ ᠵᠢᠨ ᠥᠪᠡᠷ᠎ᠤᠨ ᠥᠷᠳᠡᠭ᠎ᠢ ᠲᠤᠭᠲᠠᠭᠤᠨ ᠪᠠᠢ᠌ᠯᠭ᠋ᠠᠵᠤ᠂ ᠤᠳᠤ ᠦᠶ᠎ᠡ ᠵᠢᠨ ᠠᠵᠤ ᠦᠢ᠍ᠯᠡᠰ᠎ᠤᠨ ᠠᠵᠢᠯᠴᠢᠨ᠎ᠤ ᠡ᠊ᠩᠨᠡᠭᠡ ᠵᠢ ᠪᠤᠢ᠌ᠵᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠬᠡᠷᠡᠭᠴᠡᠭᠡᠨ᠎ᠤ ᠲᠠᠯ᠎ᠠ᠎ᠠᠴᠠ ᠦᠵᠡᠪᠡᠯ᠂ ᠬᠡᠷᠡᠭᠯᠡᠭᠡᠨ᠎ᠤ ᠬᠡᠷᠡᠭᠴᠡᠭᠡ ᠵᠢ ᠥᠷᠭᠡᠳᠬᠡᠬᠦ᠂ ᠭᠡᠷ ᠭᠠᠵᠠᠷ   ᠬᠦᠷᠦᠨᠭᠭᠡ ᠵᠢᠨ ᠵᠠᠬ᠎ᠠ ᠳᠡᠯᠭᠡᠭᠦᠷ᠎ᠢ ᠲᠤᠭᠲᠠᠪᠤᠷᠢᠵᠢᠭᠤᠯᠬᠤ᠂ ᠬᠤᠲᠠ ᠪᠠᠯᠭ᠋ᠠᠰᠤᠨ᠎ᠤ ᠰᠠᠭᠤᠷᠢ ᠪᠡᠯᠡᠳᠬᠡᠮᠵᠢ ᠵᠢ ᠦᠷᠭᠡᠳᠬᠡᠬᠦ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠡᠯᠡᠳᠬᠡᠮᠵᠢ ᠵᠢᠨ ᠪᠡᠯᠡ ᠣᠷᠣᠭᠤᠯᠤᠯᠲᠠ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠂ ᠠᠵᠤ ᠠᠬᠤᠶ ᠵᠢᠨ ᠨᠡᠮᠡᠭᠳᠡᠯ᠎ᠢ ᠲᠣᠭᠲᠠᠪᠤᠷᠢᠵᠢᠭᠤᠯᠬᠤ᠎ᠳᠤ ᠠᠰᠢᠭᠲᠠᠶ ᠪᠠᠶ᠋ᠢᠬᠤ᠎ᠪᠠᠷ ᠪᠠᠷᠠᠬᠤ ᠦᠭᠡᠢ᠂ ᠨᠡᠶ᠋ᠢᠭᠡᠮ᠎ᠤᠨ ᠲᠥᠪ ᠭᠣᠣᠯᠴᠢ ᠰᠢᠳᠤᠷᠭᠤ ᠶᠣᠰᠣ ᠪᠠ ᠡᠶ᠎ᠡ ᠵᠣᠬᠢᠴᠠᠯ᠎ᠲᠠᠢ ᠲᠣᠭᠲᠠᠭᠤᠨ ᠪᠠᠶ᠋ᠢᠳᠠᠯ᠎ᠢ ᠠᠬᠢᠭᠤᠯᠬᠤ᠎ᠳᠤ ᠴᠤ᠌ ᠠᠰᠢᠭᠲᠠᠶ ᠪᠦᠭᠡᠳ ᠪᠦᠬᠦ ᠲᠠᠯ᠎ᠠ ᠵᠢᠨ ᠴᠢᠨᠡᠭᠡᠯᠢᠭ ᠨᠡᠢ᠌ᠭᠡᠮ᠎ᠠᠴᠠ ᠨᠡᠩ ᠤᠯᠠᠨ ᠬᠥᠮᠦᠨ ᠠᠮᠠ᠎ᠳᠤ ᠠᠰᠢᠭ ᠬᠦᠷᠲᠡᠭᠡᠬᠦ ᠳᠣᠲᠣᠭ᠋ᠠᠳᠤ ᠱᠠᠭ᠋ᠠᠷᠳᠠᠯᠭ᠎ᠠ ᠮᠥᠨ᠃
     《ᠬᠦᠲᠦᠯᠪᠦᠷᠢ》᠎ᠳᠤ 2020 ᠣᠨ ᠪᠣᠯᠬᠤ᠎ᠳᠤ ᠡᠷᠦᠬᠡ ᠠᠮᠠ ᠵᠢᠨ ᠬᠣᠲᠠ ᠪᠠᠯᠭ᠋ᠠᠰᠤᠵᠢᠯᠲᠠ ᠵᠢᠨ ᠨᠣᠷᠮ᠎ᠠ 50% ᠬᠦᠷᠴᠦ᠂ 《13 · 5》 ᠵᠢᠨ ᠬᠤᠭᠤᠴᠠᠭ᠋ᠠᠨ᠎ᠳᠠᠬᠢ ᠪᠦᠬᠦ ᠣᠷᠣᠨ᠎ᠤ ᠡᠷᠦᠬᠡ ᠠᠮᠠ ᠵᠢᠨ ᠬᠣᠲᠠ ᠪᠠᠯᠭ᠋ᠠᠰᠤᠵᠢᠯᠲᠠ ᠵᠢᠨ ᠨᠣᠷᠮ᠎ᠠ ᠵᠢ ᠵᠢᠯ ᠪᠦᠷᠢ ᠳᠤᠮᠳᠠᠴᠢ᠎ᠪᠠᠷ 1.4 ᠵᠠᠭᠤᠨ᠎ᠤ ᠴᠢᠭ ᠳᠡᠭᠡᠭᠰᠢᠯᠡᠭᠦᠯᠬᠦ ᠴᠢᠬᠤᠯᠠᠲᠠᠶ ᠪᠠᠶ᠋ᠢᠵᠤ᠂ 5 ᠵᠢᠯ᠎ᠳᠤ 210 ᠲᠦᠮᠡ ᠣᠷᠴᠢᠮ ᠮᠠᠯᠴᠢᠨ ᠲᠠᠷᠢᠶᠠᠴᠢᠨ ᠬᠦᠴᠦ ᠶᠠᠪᠤᠭᠴᠢ ᠪᠣᠯᠤᠨ ᠪᠤᠰᠤᠳ ᠪᠠᠶ᠋ᠢᠩᠭᠤ ᠰᠠᠭᠤᠭ᠎ᠠ ᠬᠥᠮᠦᠨ ᠠᠮᠠ ᠵᠢ ᠬᠤᠲᠠ ᠪᠠᠯᠭ᠋ᠠᠰᠤᠨ᠎ᠳᠤ ᠰᠠᠭᠤᠷᠢᠰᠢᠨ ᠰᠠᠭᠤᠯᠭ᠋ᠠᠵᠤ ᠡᠷᠥᠭᠡ ᠠᠮᠠ᠎ᠪᠠᠨ ᠣᠷᠣᠭᠤᠯᠬᠤ ᠠᠰᠠᠭᠤᠳᠠᠯ᠎ᠢ᠎ᠨᠢ ᠰᠢᠢ᠍ᠳᠪᠦᠷᠢᠯᠡᠨ᠎ᠡ ᠭᠡᠵᠦ ᠲᠤᠷᠠᠳᠪᠠ᠃
     《ᠬᠦᠲᠦᠯᠪᠦᠷᠢ》᠎ᠳᠤ ᠳᠤᠷᠠᠳᠴᠤ ᠭᠠᠷᠭ᠋ᠠᠭᠰᠠᠨ ᠡᠷᠦᠭᠡ ᠠᠮᠠ ᠵᠢᠨ ᠬᠤᠲᠠ ᠪᠠᠯᠭ᠋ᠠᠰᠤᠵᠢᠯᠲᠠ ᠵᠢᠨ ᠨᠤᠷᠮ᠎ᠠ ᠵᠢᠨ ᠬᠠᠷᠠᠯᠲᠠ ᠵᠢ ᠪᠡᠶᠡᠯᠡᠭᠦᠯᠬᠦ᠎ᠳᠤ᠂ ᠭᠣᠣᠯᠳᠠᠭᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠬᠥᠭᠵᠢᠯᠲᠡ ᠵᠢ ᠲᠦᠷᠭᠡᠳᠬᠡᠬᠦ ᠳᠡᠭᠡᠷ᠎ᠡ᠎ᠠᠴᠠ ᠭᠠᠷᠬᠤ ᠵᠠᠮ ᠡᠷᠢᠯᠬᠢᠯᠡᠬᠦ ᠬᠡᠷᠡᠭᠲᠡᠶ᠃ 《13 · 5》 ᠵᠢᠨ ᠬᠤᠭᠤᠴᠠᠭ᠋ᠠᠨ᠎ᠳᠤ ᠥᠪᠡᠷᠲᠡᠭᠡᠨ ᠵᠠᠰᠠᠬᠤ ᠣᠷᠣᠨ᠎ᠤ ᠡᠷᠦᠬᠡ ᠠᠮᠠ ᠵᠢᠨ ᠳᠠᠩᠰᠠᠨ᠎ᠤ ᠳᠦᠷᠢᠮ᠎ᠤᠨ ᠥᠭᠡᠷᠡᠴᠢᠯᠡᠯᠲᠡ ᠬᠢᠬᠦ ᠰᠠᠨᠠᠯ᠎ᠢ ᠨᠠᠶ᠋ᠢᠳᠠᠪᠤᠷᠢᠵᠢᠭᠤᠯᠵᠤ ᠡᠷᠴᠢᠮ᠎ᠢ ᠤᠯᠠᠮ ᠨᠢᠭᠡ ᠠᠯᠬᠤᠮ ᠨᠡᠮᠡᠭᠳᠡᠭᠦᠯᠬᠦ᠎ᠪᠠᠷ ᠳᠠᠮᠵᠢᠭᠤᠯᠤᠨ᠂ ᠬᠣᠯᠪᠣᠭᠳᠠᠯ ᠪᠦᠬᠦᠢ ᠢᠵᠢ ᠪᠦᠷᠢᠯᠳᠦᠭᠦᠯᠦᠭᠰᠡᠨ ᠳᠦᠷᠦ ᠵᠢᠨ ᠪᠤᠳᠤᠯᠭ᠎ᠠ ᠵᠢ ᠲᠦᠷᠭᠡᠪᠴᠢᠯᠡᠨ ᠲᠡᠭᠦᠯᠳᠡᠷᠵᠢᠭᠦᠯᠵᠦ᠂ ᠡᠳ᠋᠎ᠤᠨ ᠵᠠᠰᠠᠭ᠎ᠤᠨ ᠰᠢᠯᠵᠢᠭᠦᠯᠦᠨ ᠥᠭᠬᠦ ᠵᠢ ᠲᠠᠷᠢᠶᠠᠯᠠᠩ ᠮᠠᠯ ᠠᠵᠤ ᠠᠬᠤᠶ᠎ᠠᠴᠠ ᠰᠢᠯᠵᠢᠭᠰᠡᠨ ᠬᠥᠮᠦᠨ ᠠᠮᠠ ᠵᠢ ᠬᠤᠲᠠ ᠵᠢᠨ ᠠᠷᠠᠳ ᠪᠣᠯᠭ᠋ᠠᠬᠤ᠎ᠲᠠᠢ ᠬᠤᠯᠪᠤᠭᠳᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠬᠣᠲᠠ ᠪᠠᠯᠭ᠋ᠠᠰᠤᠨ᠎ᠤ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠭᠦᠯᠬᠦ ᠬᠡᠪᠴᠢᠶ᠎ᠡ ᠵᠢ ᠲᠠᠷᠢᠶᠠᠯᠠᠩ ᠮᠠᠯ ᠠᠵᠤ ᠠᠬᠤᠶ᠎ᠠᠴᠠ ᠰᠢᠯᠵᠢᠭᠰᠡᠨ ᠬᠥᠮᠦᠨ ᠠᠮᠠ ᠵᠢ ᠰᠢᠩᠭᠡᠨ ᠠᠪᠴᠦ ᠡᠷᠦᠬᠡ ᠠᠮᠠ ᠣᠷᠣᠬᠤ ᠲᠣᠭ᠎ᠠ᠎ᠲᠠᠢ ᠬᠣᠯᠪᠣᠭᠳᠠᠭᠤᠯᠬᠤ ᠲᠣᠭᠲᠠᠴᠠ ᠵᠢ ᠪᠠᠶ᠋ᠢᠭᠤᠯᠵᠤ᠂ ᠬᠣᠳᠠ᠎ᠳᠤ ᠡᠷᠦᠭᠡ ᠠᠮᠠ᠎ᠪᠠᠨ ᠣᠷᠣᠭᠤᠯᠤᠭᠰᠠᠨ ᠮᠠᠯᠴᠢᠨ ᠲᠠᠷᠢᠶᠠᠴᠢᠳ᠎ᠤᠨ ᠭᠠᠵᠠᠷ ᠰᠢᠷᠣᠶ ᠳᠠᠭ᠋ᠠᠭ᠋ᠠᠴᠢᠯᠠᠬᠤ ᠡᠷᠬᠡ᠂ ᠣᠷᠣᠨ ᠰᠠᠭᠤᠴᠠ ᠵᠢᠨ ᠭᠠᠵᠠᠷ ᠬᠡᠷᠡᠭᠯᠡᠬᠦ ᠡᠷᠬᠡ᠂ ᠬᠠᠮᠲᠤ ᠵᠢᠨ ᠠᠰᠢᠭ ᠣᠷᠣᠯᠭ᠎ᠠ ᠬᠤᠪᠢᠶᠠᠷᠢᠯᠠᠬᠤ ᠡᠷᠬᠡ ᠵᠢ ᠬᠠᠤᠯᠢ ᠶᠣᠰᠣᠭ᠋ᠠᠷ ᠬᠠᠮᠠᠭ᠋ᠠᠯᠠᠵᠤ᠂ ᠬᠣᠲᠠ ᠪᠠᠯᠭ᠋ᠠᠰᠤᠨ᠎ᠳᠤ ᠲᠣᠭᠲᠠᠪᠤᠷᠢᠲᠠᠶ᠎ᠪᠠᠷ ᠠᠵᠢᠯ ᠣᠯᠵᠤ ᠠᠮᠢᠲᠤᠷᠠᠬᠤ ᠴᠢᠳᠠᠪᠤᠷᠢ᠎ᠲᠠᠢ ᠲᠠᠷᠢᠶᠠᠯᠠᠩ ᠮᠠᠯ ᠠᠵᠤ ᠠᠬᠤᠶ᠎ᠠᠴᠠ ᠰᠢᠯᠵᠢᠭᠰᠡᠨ ᠬᠥᠮᠦᠨ ᠠᠮᠠ ᠡᠷᠦᠬᠡ ᠠᠮᠠ ᠵᠢᠨ ᠳᠠᠩᠰᠠ᠎ᠪᠠᠨ ᠪᠦᠬᠦ ᠭᠡᠷ ᠵᠶ᠋ᠠᠷ ᠵᠶ᠋ᠠᠨ   ᠬᠣᠲᠠ᠎ᠳᠤ ᠤᠷᠤᠭᠤᠯᠬᠤ ᠵᠢ ᠠᠬᠢᠭᠤᠯᠵᠤ᠂ ᠬᠣᠲᠠ᠎ᠳᠤ ᠣᠷᠣᠵᠤ ᠬᠦᠴᠦ ᠶᠠᠪᠤᠵᠤ ᠪᠠᠶ᠋ᠢᠭ᠎ᠠ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠦᠢ᠍ᠯᠡᠳᠪᠦᠷᠢᠯᠡᠯ᠎ᠤᠨ ᠠᠷᠭ᠎ᠠ ᠮᠠᠶᠢᠭ᠎ᠠᠴᠠ ᠠᠪᠤᠭ᠋ᠠᠳ ᠠᠮᠢᠳᠤᠷᠠᠯ᠎ᠤᠨ ᠠᠷᠭ᠎ᠠ ᠮᠠᠶᠢᠭ ᠬᠦᠷᠲᠡᠯ᠎ᠡ ᠬᠤᠲᠠᠵᠢᠬᠤ ᠬᠤᠪᠢᠷᠠᠯᠲᠠ ᠵᠢ ᠦᠨᠡᠨ ᠬᠦ᠌ ᠪᠡᠶᠡᠯᠡᠭᠦᠯᠵᠦ᠂ ᠵᠢᠩᠬᠢᠨᠢ ᠬᠣᠲᠠ ᠵᠢᠨ ᠬᠥᠮᠦᠨ᠎ᠲᠠᠢ ᠠᠳᠠᠯᠢ ᠠᠮᠢᠳᠤᠷᠠᠬᠤ ᠪᠤᠯᠭ᠋ᠠᠨ᠎ᠠ᠃
      ᠬᠥᠲᠥᠯᠥᠭᠴᠢ᠄
     《13 · 5》 ᠵᠢᠨ ᠬᠤᠭᠤᠴᠠᠭ᠋ᠠᠨ᠎ᠳᠤ᠂ ᠮᠠᠨ᠎ᠤ ᠣᠷᠣᠨ᠎ᠤ ᠠᠵᠤ ᠠᠬᠤᠶ ᠵᠢᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠬᠡᠷᠬᠢᠨ ᠠᠬᠢᠭᠤᠯᠬᠤ ᠪᠤᠢ?
      ᠸᠠᠩ ᠵᠢᠨ ᠪᠦᠦ᠄
      ᠬᠦᠭᠵᠢᠭᠦᠯᠦᠯᠲᠡ ᠪᠣᠯ ᠨᠠᠮ᠎ᠤᠨ ᠲᠦᠷᠦ ᠪᠠᠷᠢᠵᠤ ᠤᠯᠤᠰ ᠵᠶ᠋ᠠᠨ ᠮᠠᠨᠳᠤᠭᠤᠯᠬᠤ ᠲᠡᠷᠢᠭᠦᠨ ᠴᠢᠬᠤᠯᠠ ᠡᠭᠦᠷᠭᠡ ᠮᠥᠨ᠂ ᠠᠵᠤ ᠠᠬᠤᠶ ᠵᠢ ᠬᠥᠭᠵᠢᠬᠦ ᠦᠭᠡᠢ ᠪᠣᠯ ᠶᠠᠭᠤ ᠴᠤ᠌ ᠪᠦᠲᠦᠭᠡᠵᠦ ᠳᠡᠢ᠌ᠯᠬᠦ ᠥᠭᠡᠢ᠃ ᠮᠠᠨ᠎ᠤ ᠣᠷᠣᠨ᠎ᠤ ᠬᠥᠭᠵᠢᠯᠲᠡ ᠵᠢᠨ ᠱᠠᠭ᠋ᠠᠷᠳᠠᠯᠭ᠎ᠠ᠎ᠠᠴᠠ ᠠᠪᠴᠤ ᠦᠵᠡᠪᠡᠯ᠂ 《13· 5》 ᠵᠢᠨ ᠬᠤᠭᠤᠴᠠᠭ᠋ᠠᠨ᠎ᠳᠤ᠂ ᠭᠠᠭᠴᠠᠬᠦ ᠪᠦᠬᠦ ᠤᠯᠤᠰ᠎ᠤᠨ ᠳᠤᠮᠳᠠᠴᠢ ᠬᠤᠷᠳᠤᠴᠠ᠎ᠠᠴᠠ ᠳᠡᠭᠡᠭᠦᠷ ᠬᠤᠷᠳᠤᠴᠠ᠎ᠪᠠᠷ ᠦᠷᠭᠦᠯᠵᠢᠯᠡᠨ ᠬᠦᠭᠵᠢᠭᠦᠯᠵᠦ᠂ ᠶᠡᠷᠦᠩᠬᠡᠶ᠋ᠢᠯᠡᠭᠰᠡᠨ ᠠᠵᠤ ᠠᠬᠤᠶ ᠵᠢᠨ ᠪᠣᠳᠠᠲᠤ ᠬᠦᠴᠦᠨ᠎ᠢ ᠲᠠᠰᠤᠷᠠᠯᠲᠠ ᠦᠭᠡᠢ ᠪᠤᠵᠠᠭ᠋ᠠᠢ᠌ᠷᠠᠭᠤᠯᠪᠠᠯ ᠰᠠᠶᠢ ᠬᠥᠭᠵᠢᠭᠰᠡᠨ ᠮᠤᠵᠢ ᠣᠷᠤᠨ᠎ᠯᠤᠭ᠎ᠠ ᠵᠢᠨ ᠬᠥᠭᠵᠢᠯᠲᠡ ᠵᠢᠨ ᠵᠥᠷᠢᠶ᠎ᠡ᠎ᠪᠠᠨ ᠪᠠᠭ᠋ᠠᠰᠬᠠᠵᠤ᠂ ᠴᠢᠨᠡᠭᠡᠯᠢᠭ ᠨᠡᠶ᠋ᠢᠭᠡᠮ᠎ᠢ ᠬᠤᠭᠤᠴᠠᠭ᠎ᠠ ᠶᠣᠰᠤᠭ᠋ᠠᠷ ᠪᠦᠬᠦ ᠲᠠᠯ᠎ᠠ᠎ᠪᠠᠷ ᠪᠠᠢ᠌ᠭᠤᠯᠤᠨ ᠪᠡᠶᠡᠯᠡᠭᠦᠯᠬᠦ ᠵᠢ ᠦᠨᠡᠨᠬᠦ ᠪᠠᠲᠤᠯᠠᠵᠤ ᠴᠢᠳᠠᠨ᠎ᠠ᠃ ᠠᠵᠤ ᠠᠬᠤᠶ ᠵᠢᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠠᠬᠢᠭᠤᠯᠵᠤ᠂ ᠳᠤᠮᠳᠠ ᠳᠡᠭᠡᠳᠦ ᠬᠤᠷᠳᠤᠴᠠ᠎ᠪᠠᠷ ᠨᠡᠮᠡᠭᠳᠡᠭᠦᠯᠬᠦ ᠵᠢ ᠪᠠᠷᠢᠮᠳᠠᠯᠠᠬᠤ᠎ᠨᠢ ᠬᠡᠢ ᠪᠣᠳᠣᠯ ᠪᠢᠰᠢ᠂ ᠤᠯᠠᠨ ᠵᠢᠯ᠎ᠤᠨ ᠬᠤᠷᠠᠮᠳᠤᠭᠤᠯᠭ᠎ᠠ᠎ᠪᠠᠷ ᠳᠠᠮᠵᠢᠨ᠂ ᠮᠠᠨ᠎ᠤ ᠣᠷᠣᠨ ᠨᠢᠭᠡᠨᠲᠡ ᠵᠣᠬᠢᠬᠤ ᠬᠦᠭᠵᠢᠯᠲᠡ ᠵᠢᠨ ᠰᠠᠭᠤᠷᠢ ᠪᠠᠢ ᠪᠣᠯᠵᠤ᠂ ᠨᠢᠭᠡ ᠪᠦᠯᠦᠭ ᠴᠢᠬᠤᠯᠠ ᠶᠡᠬᠡ ᠲᠦᠷᠦᠯ ᠵᠦᠢ᠍ᠯ᠎ᠤᠳ ᠵᠠᠯᠭ᠋ᠠᠭ᠎ᠠ᠎ᠪᠠᠷ ᠪᠠᠢ᠌ᠭᠤᠯᠤᠭᠳᠠᠨ᠂ ᠮᠠᠰᠢ ᠣᠯᠠᠨ ᠳᠠᠶ᠋ᠢᠴᠢᠯᠠᠬᠤ ᠬᠦᠴᠦᠨ ᠵᠶ᠋ᠠᠷ ᠴᠢᠩᠭ᠎ᠠ᠂ ᠨᠥᠯᠥᠭᠡᠯᠡᠬᠦ ᠬᠦᠴᠦᠨ ᠵᠶ᠋ᠠᠷ ᠶᠡᠬᠡ ᠲᠥᠷᠥᠯ ᠵᠦᠢ᠍ᠯ᠎ᠢ ᠤᠯᠤᠰ᠎ᠤᠨ 《13 · 5》 ᠵᠢᠨ ᠲᠥᠯᠥᠪᠵᠢᠭᠦᠯᠭᠡ᠎ᠳᠤ ᠣᠷᠤᠭᠤᠯᠵᠤ᠂ ᠠᠵᠤ ᠠᠬᠤᠶ ᠵᠢᠨ ᠰᠢᠨ᠎ᠡ ᠨᠡᠮᠡᠭᠳᠡᠯ᠎ᠤᠨ ᠴᠢᠭ᠋᠎ᠢ ᠲᠦᠷᠭᠡᠨ ᠪᠣᠢ᠌ᠵᠢᠭᠤᠯᠵᠤ ᠪᠦᠷᠢᠯᠳᠦᠭᠦᠯᠦᠨ᠂ ᠬᠥᠭᠵᠢᠯᠲᠡ ᠵᠢᠨ ᠳᠠᠯᠳᠠ ᠬᠦᠴᠦᠨ ᠯᠤᠲᠤ ᠶᠡᠬᠡ᠂ ᠰᠡᠯᠭᠦᠬᠦ ᠬᠦᠴᠦᠨ ᠪᠦᠷᠢᠨ ᠪᠠᠢ᠌ᠨ᠎ᠠ᠃ ᠪᠢᠳᠡ ᠵᠦᠪᠬᠡᠨ ᠠᠵᠠ ᠲᠣᠬᠢᠶᠠᠯ᠎ᠢ ᠠᠮᠵᠢᠨ᠂ ᠢᠳᠡᠪᠬᠢᠲᠡᠶ ᠠᠵᠢᠯᠯᠠᠪᠠᠯ᠂ ᠠᠵᠤ ᠠᠬᠤᠶ ᠵᠢᠨ ᠦᠷᠭᠦᠯᠵᠢᠯᠡᠨ ᠡᠷᠡᠭᠦᠯ ᠵᠶ᠋ᠠᠷ ᠬᠦᠭᠵᠢᠬᠦ ᠵᠢ ᠠᠬᠢᠭᠤᠯᠤᠨ᠂ ᠳᠤᠮᠳᠠ ᠳᠡᠭᠡᠳᠦ ᠬᠤᠷᠳᠤᠴᠠ᠎ᠪᠠᠷ ᠨᠡᠮᠡᠭᠳᠡᠭᠦᠯᠬᠦ ᠵᠢ ᠪᠡᠶᠡᠯᠡᠭᠦᠯᠵᠦ ᠴᠢᠳᠠᠨ᠎ᠠ᠃ 《13 · 5》 ᠵᠢᠨ ᠬᠤᠭᠤᠴᠠᠭ᠋ᠠᠨ᠎ᠳᠤ ᠮᠠᠨ᠎ᠤ ᠣᠷᠣᠨ᠎ᠤ ᠠᠵᠤ ᠠᠬᠤᠶ ᠵᠢᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠲᠦᠯᠬᠢᠨ ᠠᠬᠢᠭᠤᠯᠬᠤ᠎ᠳᠤ᠂ ᠳᠣᠣᠷᠠᠬᠢ ᠬᠡᠳᠦᠨ ᠲᠠᠯ᠎ᠠ᠎ᠪᠠᠷ ᠡᠷᠴᠢᠮᠯᠡᠬᠦ ᠬᠡᠷᠡᠭᠲᠡᠢ᠄
      ᠨᠢᠭᠡ᠎ᠳᠤ ᠡᠷᠬᠡᠪᠰᠢ ᠳᠣᠲᠣᠭ᠋ᠠᠳᠤ ᠬᠡᠷᠡᠭᠴᠡᠭᠡ᠎ᠪᠠᠨ ᠥᠷᠭᠡᠳᠬᠡᠬᠦ ᠪᠠᠶ᠋ᠢᠯᠳᠤᠬᠤ ᠪᠤᠲᠤᠯᠭ᠎ᠠ ᠵᠢᠨ ᠦᠨᠳᠦᠰᠦᠨ ᠴᠢᠭ᠋᠎ᠲᠤ ᠰᠠᠭᠤᠷᠢᠯᠠᠵᠤ᠂ ᠪᠦᠲᠦᠮᠵᠢᠲᠡᠶ ᠬᠡᠷᠡᠭᠴᠡᠭᠡ ᠵᠢ ᠴᠢᠷᠮᠠᠶ᠋ᠢᠨ ᠥᠷᠭᠡᠳᠬᠡᠬᠦ ᠬᠡᠷᠡᠭᠲᠡᠶ᠃ ᠨᠡᠮᠡᠭᠳᠡᠯ᠎ᠳᠠᠬᠢ ᠪᠡᠯᠡ ᠣᠷᠣᠭᠤᠯᠤᠯᠲᠠ ᠵᠢᠨ ᠵᠠᠩᠭᠢᠯᠠᠭ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠤᠯᠤᠰ᠎ᠤᠨ ᠪᠡᠯᠡ ᠣᠷᠣᠭᠤᠯᠤᠯᠲᠠ ᠵᠢᠨ ᠲᠦᠷᠦ ᠵᠢᠨ ᠪᠤᠳᠤᠯᠭ᠎ᠠ ᠵᠢᠨ ᠤᠳᠤᠷᠢᠳᠤᠮᠵᠢ ᠵᠢ ᠡᠵᠡᠮᠰᠢᠨ᠂ ᠰᠢᠨ᠎ᠡ ᠬᠡᠪ ᠪᠠᠶ᠋ᠢᠳᠠᠯ ᠳᠣᠣᠷᠠᠬᠢ ᠰᠢᠨ᠎ᠡ ᠪᠡᠯᠡ ᠣᠷᠣᠭᠤᠯᠤᠯᠲᠠ ᠵᠢᠨ ᠬᠦᠷᠢᠶ᠎ᠡ ᠪᠠ ᠬᠡᠷᠡᠭᠴᠡᠭᠡ ᠵᠢ ᠢᠳᠡᠪᠬᠢᠲᠡᠢ ᠰᠦᠪᠡᠭᠴᠢᠯᠡᠵᠦ᠂ ᠪᠡᠯᠡ ᠣᠷᠣᠭᠤᠯᠤᠯᠲᠠ ᠵᠢᠨ ᠪᠦᠲᠦᠴᠡ ᠵᠢ ᠰᠢᠯᠢᠳᠡᠭᠵᠢᠭᠦᠯᠦᠨ᠂ ᠪᠦᠲᠦᠮᠵᠢᠲᠡᠶ ᠪᠡᠯᠡ ᠣᠷᠣᠭᠤᠯᠤᠯᠲᠠ ᠵᠢ ᠨᠡᠮᠡᠭᠳᠡᠭᠦᠯᠵᠦ᠂ ᠨᠡᠡᠭ ᠠᠷᠪᠢᠨ ᠨᠡᠶ᠋ᠢᠭᠡᠮ᠎ᠤᠨ ᠬᠥᠷᠥᠨᠭᠭᠡ ᠵᠢᠨ ᠪᠡᠯᠡ ᠣᠷᠣᠭᠤᠯᠬᠤ ᠵᠢ ᠳᠠᠢ᠌ᠴᠢᠯᠠᠨ᠂ ᠪᠡᠯᠡ ᠣᠷᠣᠭᠤᠯᠤᠯᠲᠠ ᠵᠢᠨ ᠶᠠᠰᠤ ᠴᠢᠨᠠᠷ ᠪᠠ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠲᠡᠶ᠃ ᠨᠡᠮᠡᠭᠳᠡᠯ᠎ᠳᠠᠬᠢ ᠬᠡᠷᠡᠭᠯᠡᠭᠡᠨ᠎ᠤ ᠰᠠᠭᠤᠷᠢ ᠪᠣᠯᠬᠤ ᠦᠢ᠍ᠯᠡᠳᠦᠯ᠎ᠢ ᠪᠦᠲᠦᠮᠵᠢᠲᠡᠶ ᠪᠠᠳᠠᠷᠠᠭᠤᠯᠤᠨ᠂ ᠬᠡᠷᠡᠭᠯᠡᠭᠡᠨ᠎ᠤ ᠳᠡᠰ᠎ᠢ ᠳᠡᠪᠰᠢᠭᠦᠯᠬᠦ ᠲᠤᠬᠠᠢ ᠤᠯᠠᠨ ᠲᠦᠮᠡᠨ᠎ᠤ ᠱᠠᠭ᠋ᠠᠷᠳᠠᠯᠭ᠎ᠠ ᠵᠢ ᠢᠳᠡᠪᠬᠢᠲᠡᠶ ᠢᠯᠡᠷᠡᠭᠦᠯᠬᠦ ᠪᠠ ᠬᠠᠩᠭ᠋ᠠᠵᠤ᠂ ᠦᠢ᠍ᠯᠡᠴᠢᠯᠡᠭᠡᠨ᠎ᠤ ᠬᠡᠷᠡᠭᠯᠡᠭᠡ ᠵᠢ ᠦᠷᠭᠡᠳᠬᠡᠨ᠂ ᠮᠡᠳᠡᠭᠡ ᠵᠠᠩᠭᠢ ᠵᠢᠨ ᠬᠡᠷᠡᠭᠯᠡᠭᠡ ᠵᠢ ᠴᠢᠨᠠᠭᠰᠢᠳᠠ ᠳᠠᠶ᠋ᠢᠴᠢᠯᠠᠵᠦ᠂ ᠪᠣᠬᠢᠷᠲᠤᠯ ᠦᠭᠡᠢ ᠬᠡᠷᠡᠭᠯᠡᠭᠡ ᠵᠢ ᠦᠷᠭᠡᠳᠬᠡᠨ᠂ ᠴᠠᠭ᠎ᠤᠨ ᠥᠩᠭᠡᠲᠦ ᠬᠡᠷᠡᠭᠯᠡᠭᠡ ᠵᠢ ᠠᠬᠢᠭᠤᠯᠵᠤ᠂ ᠶᠠᠰᠤ ᠴᠢᠨᠠᠷ᠎ᠤᠨ ᠬᠡᠷᠡᠭᠯᠡᠭᠡ ᠵᠢ ᠵᠣᠷᠢᠭᠵᠢᠭᠤᠯᠤᠨ᠂ ᠬᠥᠳᠡᠭᠡ ᠲᠣᠰᠬᠣᠨ᠎ᠤ ᠬᠡᠷᠡᠭᠯᠡᠭᠡ ᠵᠢ ᠳᠡᠭᠡᠭᠰᠢᠯᠡᠭᠦᠯᠦᠨ ᠦᠷᠭᠡᠳᠬᠡᠬᠦ ᠬᠡᠷᠡᠭᠲᠡᠶ᠃ ᠨᠡᠮᠡᠭᠳᠡᠯ᠎ᠳᠠᠬᠢ ᠭᠠᠳᠠᠭ᠋ᠠᠳᠤ ᠭᠠᠷᠭ᠋ᠠᠯᠲᠠ ᠵᠢᠨ ᠠᠬᠢᠭᠤᠯᠬᠤ ᠦᠢ᠍ᠯᠡᠳᠦᠯ᠎ᠢ ᠢᠳᠡᠪᠬᠢᠲᠡᠶ ᠪᠠᠳᠠᠷᠠᠭᠤᠯᠵᠤ᠂ ᠭᠠᠳᠠᠭ᠋ᠠᠳᠤ᠎ᠳᠤ ᠪᠡᠯᠡ ᠣᠷᠣᠭᠤᠯᠬᠤ ᠵᠢ ᠴᠢᠩᠭ᠋ᠠᠷᠠᠭᠤᠯᠬᠤ ᠪᠠ ᠭᠠᠳᠠᠭ᠋ᠠᠳᠤ ᠭᠠᠷᠭ᠋ᠠᠯᠲᠠ ᠵᠢ ᠥᠷᠭᠡᠳᠬᠡᠬᠦ ᠵᠢ ᠤᠶᠠᠯᠳᠤᠭᠤᠯᠤᠨ᠂ ᠲᠧᠭᠨᠢᠭ ᠮᠡᠷᠭᠡᠵᠢᠯ᠂ ᠪᠠᠷᠢᠮᠵᠢᠶ᠎ᠠ᠂ ᠨᠡᠷᠡᠳᠥ ᠲᠦᠷᠦᠯ ᠲᠡᠮᠳᠡᠭᠲᠦ᠂ ᠶᠠᠰᠤ ᠴᠢᠨᠠᠷ᠂ ᠦᠢ᠍ᠯᠡᠴᠢᠯᠡᠭᠡ᠎ᠪᠠᠷ ᠭᠣᠣᠯ ᠪᠣᠯᠭ᠋ᠠᠭᠰᠠᠨ ᠭᠠᠳᠠᠭ᠋ᠠᠳᠤ᠎ᠳᠤ ᠵᠣᠷᠢᠭᠤᠯᠤᠭᠰᠠᠨ ᠠᠵᠤ ᠠᠬᠤᠶ ᠵᠢᠨ ᠰᠢᠨ᠎ᠡ ᠳᠠᠪᠠᠭᠤᠯᠢᠭ᠎ᠢ ᠪᠣᠶ᠋ᠢᠵᠢᠭᠤᠯᠵᠤ᠂ ᠤᠯᠠᠮᠵᠢᠯᠠᠯᠲᠤ ᠳᠠᠪᠠᠭᠤᠯᠢᠭ ᠦᠢ᠍ᠯᠡᠳᠬᠦᠨ᠎ᠤ ᠭᠠᠳᠠᠭ᠋ᠠᠳᠤ ᠭᠠᠷᠭ᠋ᠠᠯᠲᠠ ᠵᠢ ᠲᠣᠭᠲᠠᠪᠤᠷᠢᠵᠢᠭᠤᠯᠤᠨ᠂ ᠦᠢ᠍ᠯᠡᠴᠢᠯᠡᠭᠡᠨ᠎ᠤ ᠭᠠᠳᠠᠭ᠋ᠠᠳᠤ ᠭᠠᠷᠭ᠋ᠠᠯᠲᠠ ᠵᠢ ᠠᠬᠢᠭᠤᠯᠵᠤ᠂ ᠠᠵᠤ ᠠᠬᠤᠶ᠋ᠢᠯᠠᠯ᠎ᠤᠨ 《ᠭᠠᠳᠠᠭᠰᠢ ᠠᠯᠬᠤᠨ》 ᠢᠨᠵᠧᠨᠧᠷᠢᠩ ᠳᠠᠭ᠋ᠠᠭ᠋ᠠᠴᠢᠯᠠᠬᠤ ᠪᠠ ᠬᠥᠳᠡᠯᠮᠦᠷᠢ ᠦᠢ᠍ᠯᠡᠴᠢᠯᠡᠭᠡᠨ᠎ᠤ ᠬᠠᠮᠲᠤᠷᠠᠯᠴᠠᠭ᠎ᠠ ᠦᠷᠨᠢᠭᠦᠯᠬᠦ ᠵᠢ ᠳᠡᠮᠵᠢᠵᠦ᠂ ᠠᠵᠤ ᠠᠬᠤᠶ ᠵᠢᠨ ᠨᠡᠮᠡᠭᠳᠡᠯ᠎ᠳᠠᠬᠢ ᠪᠡᠯᠡ ᠣᠷᠣᠭᠤᠯᠤᠯᠲᠠ᠂ ᠬᠡᠷᠡᠭᠯᠡᠭᠡ᠂ ᠭᠠᠳᠠᠭ᠋ᠠᠳᠤ ᠭᠠᠷᠭ᠋ᠠᠯᠲᠠ ᠵᠢᠨ   ᠵᠣᠬᠢᠴᠠᠩᠭᠤᠶ᠎ᠪᠠᠷ ᠳᠠᠶ᠋ᠢᠴᠢᠯᠠᠬᠤ ᠰᠢᠨ᠎ᠡ ᠪᠠᠶ᠋ᠢᠷᠢᠰᠢᠯ᠎ᠢ ᠪᠤᠢ ᠪᠣᠯᠭ᠋ᠠᠵᠤ᠂ ᠠᠵᠤ ᠠᠬᠤᠶ ᠵᠢ ᠨᠡᠮᠡᠭᠳᠡᠭᠦᠯᠬᠦ ᠳᠣᠲᠤᠭ᠋ᠠᠳᠤ ᠵᠢᠨ ᠬᠥᠳᠡᠯᠭᠡᠭᠴᠢ ᠬᠦᠴᠦᠨ᠎ᠢ ᠴᠢᠩᠭ᠋ᠠᠷᠠᠭᠤᠯᠬᠤ ᠬᠡᠷᠡᠭᠲᠡᠢ᠃
      ᠬᠣᠶᠠᠷ᠎ᠲᠤ ᠡᠷᠬᠡᠪᠰᠢ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠦᠨ ᠲᠡᠰ ᠳᠡᠪᠰᠢᠭᠦᠯᠬᠦ᠎ᠪᠠᠷ ᠵᠣᠭᠰᠤᠴᠠ ᠪᠣᠯᠭ᠋ᠠᠵᠤ᠂ ᠠᠵᠤ ᠦᠢ᠍ᠯᠡᠰ᠎ᠤᠨ ᠰᠢᠨ᠎ᠡ ᠰᠢᠰᠲᠸᠮᠵᠢ ᠵᠢ ᠪᠠᠢ᠌ᠭᠤᠯᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠶ ᠵᠢᠨ ᠣᠳᠣᠬᠢᠴᠢᠯᠠᠯᠲᠠ ᠵᠢ ᠲᠥᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠵᠢᠨ ᠰᠠᠭᠤᠷᠢ ᠴᠢᠨᠠᠷᠲᠠᠢ ᠪᠠᠶ᠋ᠢᠷᠢ ᠰᠠᠭᠤᠷᠢ ᠵᠢ ᠪᠡᠬᠢᠵᠢᠭᠦᠯᠦᠨ ᠬᠥᠭᠵᠢᠭᠦᠯᠵᠦ᠂ ᠪᠣᠬᠢᠷᠲᠤᠯ ᠦᠭᠡᠢ᠂ ᠴᠢᠨᠠᠷ ᠰᠠᠶ᠋ᠢᠲᠠᠶ᠂ ᠨᠡᠷᠡᠳᠥ ᠲᠦᠷᠦᠯ ᠲᠡᠮᠳᠡᠭᠲᠦ᠂ ᠦᠨᠡᠨᠴᠢ ᠢᠲᠡᠭᠡᠮᠵᠢᠲᠡᠶ᠂ ᠠᠮᠤᠷ ᠲᠦᠪᠰᠢᠨ ᠵᠶ᠋ᠠᠷ ᠭᠣᠣᠯᠯᠠᠭᠰᠠᠨ ᠲᠠᠷᠢᠶᠠᠯᠠᠩ ᠮᠠᠯ ᠠᠵᠤ ᠠᠬᠤᠶ ᠵᠢᠨ ᠶᠡᠷᠦᠩᠬᠡᠶ᠋ᠢᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠲᠣᠭᠲᠠᠪᠤᠷᠢᠵᠢᠭᠤᠯᠬᠤ᠂ ᠮᠠᠯᠴᠢᠳ ᠲᠠᠷᠢᠶᠠᠴᠢᠨ᠎ᠳᠤ ᠠᠰᠢᠭ ᠬᠦᠷᠲᠡᠭᠡᠬᠦ ᠲᠦᠷᠦ ᠵᠢᠨ ᠪᠤᠳᠤᠯᠭ᠎ᠠ ᠪᠠ ᠲᠣᠭᠲᠠᠴᠠ ᠵᠢ ᠲᠡᠭᠦᠯᠳᠡᠷᠵᠢᠭᠦᠯᠬᠦ᠂ ᠤᠳᠤ ᠦᠶ᠎ᠡ ᠵᠢᠨ ᠲᠠᠷᠢᠶᠠᠯᠠᠩ ᠮᠠᠯ ᠠᠵᠤ ᠠᠬᠤᠶ ᠵᠢᠨ ᠡᠵᠡᠩᠨᠡᠯᠲᠡ ᠵᠢᠨ ᠰᠢᠰᠲᠸᠮᠵᠢ ᠵᠢ ᠪᠠᠶ᠋ᠢᠭᠤᠯᠬᠤ᠂ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠵᠢᠨ ᠲᠥᠪᠰᠢᠨ᠎ᠢ ᠳᠡᠭᠡᠭᠰᠢᠯᠡᠭᠦᠯᠬᠦ᠂ ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠢᠨ ᠲᠣᠭᠤᠷᠢᠨ᠎ᠳᠤ᠂ ᠮᠠᠨ᠎ᠤ ᠣᠷᠣᠨ᠎ᠢ ᠲᠠᠷᠢᠶᠠᠯᠠᠩ ᠮᠠᠯ ᠠᠵᠤ ᠠᠬᠤᠶ ᠵᠢᠨ ᠶᠡᠬᠡ ᠣᠷᠣᠨ᠎ᠠᠴᠠ ᠲᠠᠷᠢᠶᠠᠯᠠᠩ ᠮᠠᠯ ᠠᠵᠤ ᠠᠬᠤᠶ ᠵᠢᠨ ᠬᠦᠴᠦᠷᠬᠡᠭ ᠣᠷᠣᠨ ᠲᠡᠰᠢ ᠬᠤᠪᠢᠷᠬᠤ ᠵᠢ ᠲᠦᠯᠬᠢᠨ ᠠᠬᠢᠭᠤᠯᠤᠨ᠎ᠠ᠃ ᠳᠠᠪᠠᠭᠤᠯᠢᠭ ᠣᠨᠴᠠᠯᠢᠭ ᠪᠦᠬᠦᠢ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠲᠦᠷᠭᠡᠳᠬᠡᠵᠦ᠂ ᠰᠢᠨ᠎ᠡ ᠮᠠᠶᠢᠭ᠎ᠤᠨ ᠠᠵᠤ ᠦᠢ᠍ᠯᠡᠳᠪᠦᠷᠢᠵᠢᠯᠲᠡ ᠵᠢᠨ ᠵᠠᠮ ᠵᠶ᠋ᠠᠷ ᠵᠠᠮᠨᠠᠬᠤ ᠵᠢ ᠪᠠᠷᠢᠮᠳᠠᠯᠠᠨ᠂ ᠡᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠲᠥᠪᠰᠢᠨ᠎ᠢ ᠪᠡᠬᠢᠵᠢᠭᠦᠯᠦᠨ ᠳᠡᠭᠡᠭᠰᠢᠯᠡᠭᠦᠯᠬᠦ᠂ ᠰᠢᠨ᠎ᠡ ᠬᠡᠯᠪᠡᠷᠢ ᠵᠢᠨ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠢ ᠢᠳᠡᠪᠬᠢᠲᠡᠶ ᠬᠦᠭᠵᠢᠭᠦᠯᠬᠦ᠂ ᠲᠡᠮᠦᠷᠯᠢᠭ ᠬᠠᠶ᠋ᠢᠯᠤᠭᠤᠯᠬᠤ ᠪᠠ ᠪᠠᠷᠢᠯᠭ᠎ᠠ ᠵᠢᠨ ᠮᠠᠲ᠋ᠧᠷᠢᠶᠠᠯ᠎ᠤᠨ ᠠᠵᠤ ᠦᠢ᠍ᠯᠡᠳᠪᠦᠷᠢ ᠵᠢ ᠰᠢᠯᠢᠳᠡᠭᠵᠢᠭᠦᠯᠦᠨ ᠬᠦᠴᠦᠷᠬᠡᠭᠵᠢᠭᠦᠯᠬᠦ᠂ ᠪᠣᠬᠢᠷᠲᠤᠯ ᠦᠭᠡᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠠᠵᠤ ᠦᠢ᠍ᠯᠡᠳᠪᠦᠷᠢ ᠵᠢ ᠶᠡᠬᠡᠪᠡᠷ ᠬᠦᠭᠵᠢᠭᠦᠯᠬᠦ ᠵᠢᠨ ᠲᠣᠭᠤᠷᠢᠨ᠎ᠳᠤ᠂ ᠤᠯᠠᠮᠵᠢᠯᠠᠯᠲᠤ ᠠᠵᠤ ᠦᠢ᠍ᠯᠡᠰ᠎ᠤᠨ ᠰᠢᠨ᠎ᠡ ᠬᠡᠯᠪᠡᠷᠢᠵᠢᠯᠲᠡ᠂ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠬᠡᠪᠴᠢᠶᠡᠵᠢᠯᠲᠡ᠂ ᠲᠤᠯᠭ᠋ᠠᠭᠤᠷᠢ ᠠᠵᠤ ᠦᠢ᠍ᠯᠡᠰ᠎ᠤᠨ ᠤᠯᠠᠨ ᠡᠰᠢᠵᠢᠯᠲᠡ ᠵᠢ ᠲᠥᠯᠬᠢᠨ ᠠᠬᠢᠭᠤᠯᠵᠤ᠂ ᠤᠳᠦ ᠦᠶ᠎ᠡ ᠵᠢᠨ ᠠᠵᠤ ᠦᠢ᠍ᠯᠡᠳᠪᠦᠷᠢ ᠵᠢᠨ ᠰᠢᠨ᠎ᠡ ᠰᠢᠰᠲᠸᠮᠵᠢ ᠵᠢ ᠪᠠᠢ᠌ᠭᠤᠯᠤᠨ᠎ᠠ᠃ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠢᠳᠡᠪᠬᠢᠲᠡᠶ ᠬᠥᠭᠵᠢᠭᠦᠯᠵᠦ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠪᠣᠶ᠋ᠢᠵᠢᠭᠤᠯᠤᠨ ᠬᠦᠭᠵᠢᠭᠦᠯᠬᠦ ᠵᠢ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠪᠠ ᠳᠤᠲᠠᠭᠤ ᠲᠠᠯ᠎ᠠ᠎ᠪᠠᠨ ᠨᠥᠬᠥᠪᠥᠷᠢᠯᠡᠬᠦ ᠵᠢ ᠲᠥᠯᠬᠢᠨ ᠠᠬᠢᠭᠤᠯᠬᠤ ᠵᠢᠨ ᠭᠣᠣᠯ ᠰᠢᠪᠲᠤᠯᠬᠤ ᠴᠢᠭᠯᠡᠯ ᠪᠣᠯᠭ᠋ᠠᠵᠤ᠂ ᠲᠡᠷᠢᠭᠦᠨ᠎ᠤ ᠲᠣᠨᠣᠭᠯᠠᠯ ᠦᠢ᠍ᠯᠡᠳᠬᠦ ᠦᠢ᠍ᠯᠡᠰ᠎ᠢ ᠬᠥᠭᠵᠢᠭᠦᠯᠦᠨ ᠪᠤᠵᠠᠭ᠋ᠠᠢ᠌ᠷᠠᠭᠤᠯᠬᠤ᠂ ᠰᠢᠨ᠎ᠡ ᠮᠠᠲᠸᠷᠢᠶᠠᠯ᠎ᠤᠨ ᠠᠵᠤ ᠦᠢ᠍ᠯᠡᠰ᠎ᠤᠨ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠬᠦ᠂ ᠠᠮᠢᠳᠤ ᠪᠣᠳᠠᠰ᠎ᠤᠨ ᠠᠵᠤ ᠦᠢ᠍ᠯᠡᠰ᠎ᠢ ᠢᠳᠡᠪᠬᠢᠲᠡᠶ ᠬᠥᠭᠵᠢᠭᠦᠯᠬᠦ᠂ ᠨᠡᠭᠦᠷᠡᠰᠦ ᠵᠢ ᠴᠡᠪᠡᠷᠰᠢᠭᠦᠯᠦᠨ ᠥᠨᠳᠥᠷ ᠪᠦᠲᠦᠮᠵᠢᠲᠡᠶ᠎ᠪᠠᠷ ᠠᠰᠢᠭᠯᠠᠬᠤ ᠠᠵᠤ ᠦᠢ᠍ᠯᠡᠰ᠎ᠢ ᠪᠤᠵᠠᠭ᠋ᠠᠶ᠋ᠢᠷᠠᠭᠤᠯᠬᠤ᠂ ᠰᠢᠨ᠎ᠡ ᠡᠨᠧᠷᠭᠢ ᠵᠢᠨ ᠠᠵᠤ ᠦᠢ᠍ᠯᠡᠰ᠎ᠢ ᠲᠦᠷᠭᠡᠪᠴᠢᠯᠡᠨ ᠬᠥᠭᠵᠢᠭᠦᠯᠬᠦ᠂ ᠡᠨᠧᠷᠭᠢ ᠠᠷᠪᠢᠯᠠᠵᠤ ᠣᠷᠴᠢᠨ ᠲᠣᠭᠤᠷᠢᠨ᠎ᠢ ᠬᠠᠮᠠᠭ᠋ᠠᠯᠠᠬᠤ ᠠᠵᠤ ᠦᠢ᠍ᠯᠡᠰ᠎ᠢ ᠲᠡᠳᠬᠦᠨ ᠬᠥᠭᠵᠢᠭᠦᠯᠬᠦ᠂ ᠡᠯᠧᠺᠲᠷᠣᠨ ᠮᠡᠳᠡᠭᠡ ᠵᠠᠩᠭᠢ ᠵᠢᠨ ᠠᠵᠤ ᠦᠢ᠍ᠯᠡᠰ᠎ᠢ ᠪᠣᠶ᠋ᠢᠵᠢᠭᠤᠯᠤᠨ ᠬᠥᠭᠵᠢᠭᠦᠯᠬᠦ ᠲᠣᠭᠤᠷᠢᠨ᠎ᠳᠤ᠂ ᠲᠡᠳᠡᠭᠡᠷ ᠪᠦᠬᠦᠨ᠎ᠢ ᠰᠢᠨ᠎ᠡ ᠲᠤᠯᠭ᠋ᠠᠭᠤᠷᠢ ᠠᠵᠤ ᠦᠢ᠍ᠯᠡᠰ ᠪᠣᠯᠭ᠋ᠠᠨ᠎ᠠ᠃ ᠪᠠᠷᠢᠯᠭ᠎ᠠ ᠵᠢᠨ ᠦᠢ᠍ᠯᠡᠰ᠎ᠤᠨ ᠬᠥᠭᠵᠢᠯᠲᠡ ᠵᠢᠨ ᠲᠥᠪᠰᠢᠨ᠎ᠢ ᠳᠡᠭᠡᠭᠰᠢᠯᠡᠭᠦᠯᠵᠦ᠂ ᠰᠢᠨ᠎ᠡ ᠮᠠᠶᠢᠭ᠎ᠤᠨ ᠬᠣᠲᠠ ᠪᠠᠯᠭ᠋ᠠᠰᠤᠵᠢᠯᠲᠠ ᠵᠢᠨ ᠬᠥᠭᠵᠢᠯᠲᠡ ᠵᠢᠨ ᠠᠵᠠ ᠲᠣᠬᠢᠶᠠᠯ᠎ᠢ ᠠᠳᠬᠤᠨ᠂ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ ᠵᠢᠨ ᠬᠥᠭᠵᠢᠯᠲᠡ ᠵᠢ ᠠᠬᠢᠭᠤᠯᠬᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠲᠤ ᠠᠵᠢᠯ ᠣᠯᠭᠣᠬᠤ ᠵᠡᠷᠭᠡ ᠲᠠᠯ᠎ᠠ᠎ᠪᠠᠷ᠎ᠬᠢ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ᠂ ᠪᠠᠷᠢᠯᠭ᠎ᠠ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠬᠤ ᠵᠢ ᠠᠬᠢᠭᠤᠯᠵᠤ᠂ ᠪᠠᠷᠢᠯᠭ᠎ᠠ ᠵᠢᠨ ᠦᠢ᠍ᠯᠡᠰ᠎ᠢ ᠲᠡᠷᠢᠭᠦᠨ᠎ᠤ ᠮᠡᠷᠭᠡᠵᠢᠯ᠎ᠤᠨ ᠤᠳᠤ ᠦᠶ᠎ᠡ ᠵᠢᠨ ᠠᠵᠤ ᠦᠢ᠍ᠯᠡᠰ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠤᠯᠲᠠ ᠪᠠᠭ᠎ᠠ ᠪᠣᠬᠢᠷᠲᠤᠯ ᠦᠭᠡᠢ ᠠᠵᠤ ᠦᠢ᠍ᠯᠡᠰ ᠪᠠ ᠲᠠᠢ᠍ᠢ᠍ᠴᠢᠯᠠᠨ ᠳᠠᠭ᠋ᠠᠭᠤᠯᠬᠤ ᠬᠦᠴᠦᠨ ᠵᠶ᠋ᠠᠷ ᠴᠢᠩᠭ᠎ᠠ ᠲᠤᠯᠭ᠋ᠠᠭᠤᠷᠢ ᠠᠵᠤ ᠦᠢ᠍ᠯᠡᠰ ᠪᠣᠯᠭ᠋ᠠᠨ᠎ᠠ᠃ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠢ ᠶᠡᠬᠡᠪᠡᠷ ᠬᠥᠭᠵᠢᠭᠦᠯᠬᠦ᠂ ᠦᠢ᠍ᠯᠡᠴᠢᠯᠡᠭᠡᠨ᠎ᠤ ᠦᠢ᠍ᠯᠡᠰ᠎ᠤᠨ ᠬᠦᠭᠵᠢᠯᠲᠡ ᠵᠢ ᠳᠣᠲᠣᠭ᠋ᠠᠳᠤ ᠬᠡᠷᠡᠭᠴᠡᠭᠡ᠎ᠪᠠᠨ ᠦᠷᠭᠡᠳᠬᠡᠨ᠂ ᠪᠦᠲᠦᠴᠡ᠎ᠪᠠᠨ ᠲᠣᠬᠢᠷᠠᠭᠤᠯᠬᠤ ᠪᠠ ᠬᠥᠭᠵᠢᠯᠲᠡ ᠵᠢᠨ ᠠᠷᠭ᠎ᠠ ᠮᠠᠶᠢᠭ ᠵᠶ᠋ᠠᠨ ᠬᠤᠪᠢᠷᠠᠭᠤᠯᠬᠤ ᠴᠢᠬᠤᠯᠠ ᠪᠠᠶ᠋ᠢᠯᠳᠤᠬᠤ ᠪᠤᠳᠤᠯᠭ᠎ᠠ ᠵᠢᠨ ᠡᠭᠦᠷᠭᠡ ᠪᠣᠯᠭ᠋ᠠᠵᠤ᠂ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠠᠵᠢᠯᠯᠠᠭ᠋ᠠᠨ᠎ᠤ ᠲᠥᠯᠥᠪᠯᠡᠭᠡ ᠵᠢ ᠬᠡᠷᠡᠭᠵᠢᠭᠦᠯᠦᠨ᠂ ᠦᠢ᠍ᠯᠡᠳᠪᠦᠷᠢᠯᠡᠯ᠎ᠤᠨ ᠴᠢᠨᠠᠷᠲᠠᠶ ᠦᠢ᠍ᠯᠡᠴᠢᠯᠡᠭᠡᠨ᠎ᠤ ᠦᠢ᠍ᠯᠡᠰ᠎ᠢ ᠳᠣᠪᠤᠢ᠌ᠯᠭ᠋ᠠᠨ ᠬᠦᠭᠵᠢᠭᠦᠯᠵᠦ᠂ ᠠᠮᠢᠳᠤᠷᠠᠯ᠎ᠤᠨ ᠴᠢᠨᠠᠷᠲᠠᠶ ᠦᠢ᠍ᠯᠡᠴᠢᠯᠡᠭᠡᠨ᠎ᠤ ᠦᠢ᠍ᠯᠡᠰ᠎ᠢ ᠢᠳᠡᠪᠬᠢᠲᠡᠶ ᠬᠦᠭᠵᠢᠭᠦᠯᠦᠨ᠂ ᠦᠢ᠍ᠯᠡᠴᠢᠯᠡᠭᠡᠨ᠎ᠤ ᠦᠢ᠍ᠯᠡᠰ ᠲᠥᠪᠯᠡᠷᠡᠭᠰᠡᠨ ᠣᠷᠣᠨ᠎ᠤ ᠪᠦᠳᠦᠬᠡᠨ ᠪᠠᠶ᠋ᠢᠭᠤᠯᠤᠯᠲᠠ ᠵᠢ ᠲᠦᠷᠭᠡᠳᠬᠡᠵᠦ᠂ ᠦᠢ᠍ᠯᠡᠴᠢᠯᠡᠭᠡᠨ᠎ᠤ ᠦᠢ᠍ᠯᠡᠰ᠎ᠤᠨ ᠲᠦᠪᠯᠡᠷᠡᠯ᠂ ᠦᠪᠡᠷᠮᠢᠴᠡ ᠣᠨᠴᠠᠯᠢᠭᠲᠤ᠂ ᠳᠡᠭᠡᠳᠦ ᠲᠡᠰ᠎ᠤᠨ᠂ ᠨᠡᠷᠡᠲᠦ ᠲᠦᠷᠦᠯ ᠲᠡᠮᠳᠡᠭᠲᠦ ᠴᠢᠭᠯᠡᠯ ᠲᠡᠰᠢ ᠬᠦᠭᠵᠢᠬᠦ ᠵᠢ ᠲᠦᠯᠬᠢᠨ ᠠᠬᠢᠭᠤᠯᠵᠤ᠂ ᠣᠳᠣ ᠦᠶ᠎ᠡ ᠵᠢᠨ ᠦᠢ᠍ᠯᠡᠳᠬᠦ ᠦᠢ᠍ᠯᠡᠰ᠎ᠲᠠᠢ ᠬᠠᠷᠢᠯᠴᠠᠨ ᠠᠭᠤᠰᠤᠯᠴᠠᠭᠰᠠᠨ᠂ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ᠎ᠲᠠᠢ ᠬᠠᠷᠢᠯᠴᠠᠨ ᠢᠵᠢ ᠪᠦᠷᠢᠳᠦᠭᠰᠡᠨ᠂ ᠰᠢᠨ᠎ᠡ ᠮᠠᠶᠢᠭ᠎ᠤᠨ ᠬᠤᠳᠠ ᠪᠠᠯᠭ᠋ᠠᠰᠤᠴᠢᠯᠠᠬᠤ ᠠᠬᠢᠴᠠ᠎ᠲᠠᠢ ᠬᠠᠷᠢᠯᠴᠠᠨ ᠵᠣᠬᠢᠴᠠᠭᠰᠠᠨ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠠ ᠰᠠᠢ᠌ᠵᠢᠷᠠᠭᠤᠯᠤᠯᠲᠠ᠎ᠲᠠᠢ ᠵᠣᠬᠢᠴᠠᠭᠰᠠᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠰᠢᠨ᠎ᠡ ᠪᠠᠶ᠋ᠢᠷᠢᠰᠢᠯ᠎ᠢ ᠪᠠᠢ᠌ᠭᠤᠯᠤᠨ᠎ᠠ᠃
    ᠸᠠᠩ ᠵᠢᠨ ᠪᠦᠦ᠄
      ᠭᠤᠷᠪᠠ᠎ᠳᠤ ᠡᠷᠬᠡᠪᠰᠢ ᠬᠥᠭᠵᠢᠯᠲᠡ ᠵᠢᠨ ᠰᠢᠨ᠎ᠡ ᠣᠷᠣᠨ ᠵᠠᠶ ᠵᠢ ᠦᠷᠭᠡᠳᠬᠡᠬᠦ᠎ᠪᠠᠷ ᠵᠣᠭᠰᠤᠴᠠ ᠪᠣᠯᠭ᠋ᠠᠵᠤ᠂ ᠤᠳᠤ ᠦᠶ᠎ᠡ ᠵᠢᠨ ᠰᠠᠭᠤᠷᠢ ᠪᠡᠯᠡᠳᠬᠡᠮᠵᠢ ᠵᠢᠨ ᠲᠣᠣᠷ ᠰᠦᠯᠵᠢᠶ᠎ᠡ ᠵᠢ ᠪᠦᠲᠦᠭᠡᠨ ᠪᠠᠢ᠌ᠭᠤᠯᠤᠨ᠎ᠠ᠃ ᠵᠠᠮ ᠬᠠᠷᠢᠯᠴᠠᠭ᠋ᠠᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠵᠠᠮ ᠬᠠᠷᠢᠯᠴᠠᠭ᠋ᠠᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠠᠵᠤ ᠠᠬᠤᠶ ᠵᠢᠨ ᠨᠡᠶ᠋ᠢᠭᠡᠮ᠎ᠤᠨ ᠲᠡᠷᠢᠭᠦᠨ ᠪᠠᠶ᠋ᠢᠷᠢᠨ᠎ᠳᠤ ᠲᠠᠯᠪᠢᠵᠤ᠂ ᠲᠡᠮᠦᠷ ᠵᠠᠮ ᠪᠠ ᠵᠢᠮᠲᠦ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠲᠥᠷᠭᠡᠳᠬᠡᠨ᠂ ᠵᠠᠰᠠᠮᠠᠯ ᠵᠠᠮ᠎ᠤᠨ ᠲᠣᠣᠷ ᠰᠦᠯᠵᠢᠶ᠎ᠡ ᠵᠢ ᠲᠡᠭᠦᠯᠳᠡᠷᠵᠢᠭᠦᠯᠵᠦ᠂ ᠠᠭ᠋ᠠᠷ᠎ᠤᠨ ᠲᠡᠭᠡᠭᠡᠪᠦᠷᠢ ᠵᠢᠨ ᠴᠢᠳᠠᠪᠤᠷᠢ ᠵᠢ ᠳᠡᠭᠡᠭᠰᠢᠯᠡᠭᠦᠯᠦᠨ᠂ ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠬᠦᠢ᠍ᠰᠦ ᠵᠢᠨ ᠪᠦᠳᠦᠬᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠳᠣᠲᠣᠭ᠋ᠠᠳᠤ ᠭᠠᠳᠠᠭ᠋ᠠᠳᠤ ᠵᠢ ᠬᠣᠯᠪᠤᠭᠰᠠᠨ᠂ ᠬᠤᠳᠠ ᠬᠥᠳᠡᠭᠡ ᠵᠢ ᠪᠦᠷᠬᠦᠭᠰᠡᠨ ᠣᠳᠣᠬᠢᠴᠢᠯᠠᠯᠲᠠ ᠵᠢᠨ ᠶᠡᠷᠦᠩᠬᠡᠢ᠌ᠯᠡᠭᠰᠡᠨ ᠵᠠᠮ ᠲᠡᠭᠡᠭᠡᠪᠦᠷᠢ ᠵᠢᠨ ᠰᠢᠰᠲᠸᠮᠵᠢ ᠵᠢ ᠪᠠᠢ᠌ᠭᠤᠯᠤᠨ᠎ᠠ᠃ ᠡᠨᠧᠷᠭᠢ ᠵᠢᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠯᠤᠰ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯᠯᠠᠭ᠎ᠠ ᠵᠢᠨ ᠲᠥᠯᠥᠪᠯᠡᠭᠡ ᠪᠠ 《ᠨᠡᠶ᠋ᠢᠰᠯᠡᠯ᠎ᠢ ᠪᠠᠲᠤᠯᠠᠨ᠂ ᠤᠮᠠᠷᠠᠲᠤ ᠣᠷᠣᠨ᠎ᠳᠤ ᠦᠢ᠍ᠯᠡᠴᠢᠯᠡᠨ᠂ ᠪᠦᠬᠦ ᠤᠯᠤᠰ᠎ᠲᠤ ᠬᠠᠨᠳᠤᠭᠤᠯᠬᠤ》 ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢ ᠲᠣᠭᠲᠠᠭ᠋ᠠᠯᠲᠠ ᠬᠢᠭᠡᠳ ᠵᠠᠬ᠎ᠠ ᠳᠡᠯᠭᠡᠭᠦᠷ᠎ᠤᠨ ᠣᠷᠣᠨ ᠪᠠᠶ᠋ᠢᠷᠢ ᠵᠢᠨ ᠲᠣᠭᠤᠷᠢᠨ᠎ᠳᠤ᠂ ᠴᠠᠬᠢᠯᠭ᠋ᠠᠨ ᠬᠦᠴᠦᠨ᠎ᠤ ᠵᠠᠮ᠂ ᠲᠤᠰᠤ ᠬᠡᠢ ᠳᠠᠮᠵᠢᠭᠤᠯᠬᠤ ᠬᠣᠭᠣᠯᠠᠶ ᠵᠡᠷᠭᠡ ᠡᠨᠧᠷᠭᠢ ᠵᠢᠨ ᠰᠠᠭᠤᠷᠢ ᠪᠡᠯᠡᠳᠬᠡᠮᠵᠢ ᠵᠢᠨ ᠪᠦᠳᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠵᠦᠶ ᠵᠣᠬᠢᠰᠲᠠᠶ᠂ ᠠᠮᠤᠷ ᠲᠦᠪᠰᠢᠨ᠂ ᠤᠶᠤᠨᠲᠤ᠂ ᠵᠣᠬᠢᠴᠠᠩᠭᠤᠶ ᠤᠲᠤ ᠦᠶ᠎ᠡ ᠵᠢᠨ ᠴᠠᠬᠢᠯᠭ᠋ᠠᠨ᠎ᠤ ᠲᠣᠣᠷ ᠪᠠ ᠲᠤᠰᠤ ᠬᠡᠢ ᠵᠢᠨ ᠬᠣᠭᠣᠯᠠᠶ ᠵᠢᠨ ᠲᠣᠣᠷ᠎ᠢ ᠪᠠᠢ᠌ᠭᠤᠯᠤᠨ᠎ᠠ᠃ ᠤᠰᠤᠨ ᠠᠰᠢᠭᠯᠠᠯᠲᠠ ᠵᠢᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠦᠬᠦ ᠲᠠᠯ᠎ᠠ᠎ᠲᠠᠢ ᠬᠣᠯᠪᠤᠭᠳᠠᠭᠰᠠᠨ᠂ ᠨᠡᠯᠢᠶᠡᠳ ᠴᠢᠩᠭ᠎ᠠ ᠨᠥᠯᠥᠭᠡᠯᠡᠨ ᠳᠠᠶ᠋ᠢᠴᠢᠯᠠᠬᠤ ᠦᠢ᠍ᠯᠡᠳᠦᠯ᠎ᠲᠠᠢ ᠨᠢᠭᠡ ᠪᠦᠯᠦᠭ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠢ ᠬᠦᠴᠦ᠎ᠪᠠᠨ ᠲᠥᠪᠯᠡᠷᠡᠭᠦᠯᠦᠨ ᠪᠦᠲᠦᠭᠡᠨ ᠪᠠᠢ᠌ᠭᠤᠯᠵᠤ᠂ ᠤᠰᠤᠨ᠎ᠤ ᠡᠬᠢ ᠪᠠᠶᠠᠯᠢᠭ᠎ᠢ ᠵᠦᠢ ᠵᠣᠬᠢᠰᠲᠠᠶ ᠲᠣᠬᠢᠷᠠᠭᠤᠯᠬᠤ ᠪᠠ ᠨᠡᠭᠡᠭᠡᠨ ᠠᠰᠢᠭᠯᠠᠬᠤ᠂ ᠤᠰᠤᠯᠠᠯᠲᠠ ᠵᠢᠨ ᠣᠷᠣᠨ᠎ᠤ ᠥᠨᠳᠥᠷ ᠪᠦᠲᠦᠮᠵᠢᠲᠡᠶ ᠪᠦᠭᠡᠳ ᠤᠰᠤ ᠠᠷᠪᠢᠯᠠᠬᠤ᠂ ᠦᠶᠡᠷ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠢᠨᠵᠧᠨᠧᠷᠢᠩ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠮᠡᠳᠡᠭᠡ ᠵᠠᠩᠭᠢ ᠵᠢᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠮᠡᠳᠡᠭᠡ ᠵᠠᠩᠭᠢᠵᠢᠯᠲᠠ ᠪᠠ ᠢᠨᠲᠸᠷ ᠰᠦᠯᠵᠢᠶᠡᠨ᠎ᠤ ᠬᠥᠭᠵᠢᠯᠲᠡ ᠵᠢᠨ ᠬᠠᠨᠳᠤᠰᠢ᠎ᠳᠤ ᠨᠡᠢ᠌ᠴᠡᠭᠦᠯᠦᠨ᠂ ᠥᠷᠭᠡᠨ ᠪᠦᠰᠡᠲᠦ ᠥᠪᠥᠷ ᠮᠣᠩᠭᠣᠯ᠎ᠤᠨ ᠢᠨᠵᠧᠨᠧᠷᠢᠩ᠎ᠢ ᠲᠦᠷᠭᠡᠨ ᠬᠡᠷᠡᠭᠵᠢᠭᠦᠯᠵᠦ᠂ ᠡᠭᠦᠯᠡᠨ ᠪᠤᠳᠤᠯᠳᠠ ᠵᠢᠨ ᠲᠣᠭ᠎ᠠ ᠪᠠᠷᠢᠮᠲᠠ ᠵᠢᠨ ᠲᠥᠪ᠎ᠢ ᠡᠮᠬᠢ ᠵᠢᠷᠤᠮ᠎ᠲᠠᠢ ᠪᠠᠢ᠌ᠭᠤᠯᠤᠨ᠂ 《ᠭᠤᠷᠪᠠᠨ ᠲᠣᠣᠷ᠎ᠤᠨ ᠨᠡᠶ᠋ᠢᠯᠡᠯ》᠎ᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭ᠋ᠠᠰᠤᠵᠢᠯᠲᠠ ᠪᠠ ᠲᠠᠷᠢᠶᠠᠯᠠᠩ ᠮᠠᠯ ᠠᠵᠤ ᠠᠬᠤᠶ ᠵᠢᠨ ᠣᠳᠣᠬᠢᠴᠢᠯᠠᠯᠲᠠ ᠵᠡᠷᠭᠡ᠎ᠪᠠᠷ ᠬᠥᠭᠵᠢᠬᠦ ᠵᠢ ᠠᠬᠢᠭᠤᠯᠬᠤ ᠵᠢᠨ ᠲᠤᠰᠠᠳᠠ᠂ ᠦᠢ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠦ ᠲᠦᠭ ᠲᠦᠮᠡᠨ ᠵᠶ᠋ᠡᠷ ᠵᠶ᠋ᠡᠨ ᠰᠢᠨ᠎ᠡ ᠵᠢ ᠡᠭᠦᠳᠬᠦ ᠵᠢ ᠪᠣᠢ ᠪᠣᠯᠭ᠋ᠠᠬᠤ ᠪᠠ ᠣᠯᠠᠨ ᠨᠡᠶ᠋ᠢᠲᠡ ᠵᠢᠨ ᠪᠦᠲᠦᠭᠡᠭᠳᠡᠬᠦᠨ᠂ ᠤᠯᠠᠨ ᠨᠡᠢ᠍ᠢ᠍ᠳᠡ ᠵᠢᠨ ᠦᠢ᠍ᠯᠡᠴᠢᠯᠡᠭᠡᠨ᠎ᠢ ᠨᠡᠮᠡᠭᠳᠡᠭᠦᠯᠬᠦ ᠵᠢᠨ 《ᠬᠣᠣᠰ ᠬᠥᠳᠡᠯᠭᠡᠭᠦᠷ》᠎ᠲᠤ ᠬᠦᠴᠦᠲᠡᠶ ᠲᠦᠰᠢᠭ ᠲᠤᠯᠭ᠋ᠠᠭᠤᠷᠢ ᠬᠠᠩᠭ᠋ᠠᠨ᠎ᠠ᠃
    ᠬᠥᠲᠥᠯᠥᠭᠴᠢ᠄
      ᠰᠢᠨ᠎ᠡ ᠵᠢ ᠡᠭᠦᠳᠬᠦ ᠬᠥᠭᠵᠢᠯᠲᠡ ᠵᠢ ᠬᠡᠷᠬᠢᠨ ᠤᠢ᠌ᠯᠭ᠋ᠠᠪᠠᠯ ᠵᠣᠬᠢᠬᠤ ᠪᠤᠢ?
    ᠸᠠᠩ ᠵᠢᠨ ᠪᠦᠦ᠄
      ᠰᠢᠨ᠎ᠡ ᠵᠢ ᠡᠭᠦᠳᠬᠦ ᠬᠦᠭᠵᠢᠯᠲᠡ ᠵᠢ ᠪᠠᠷᠢᠮᠳᠠᠯᠠᠬᠤ ᠪᠣᠯ ᠮᠠᠨ᠎ᠤ ᠣᠷᠣᠨ᠎ᠤ ᠠᠵᠤ ᠠᠬᠤᠶ ᠨᠡᠶ᠋ᠢᠭᠡᠮ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠲᠦᠯᠬᠢᠨ ᠠᠬᠢᠭᠤᠯᠬᠤ ᠪᠠ ᠪᠡᠶᠡᠯᠡᠭᠦᠯᠬᠦ ᠵᠢᠨ ᠵᠠᠶ᠋ᠢᠯᠠᠰᠢ ᠦᠭᠡᠢ ᠰᠣᠩᠭᠣᠯᠲᠠ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠲᠠᠪᠤᠳᠤᠭ᠋ᠠᠷ ᠪᠥᠬᠥᠳᠡ ᠬᠤᠷᠠᠯ᠎ᠠᠴᠠ ᠳᠤᠷᠠᠳᠤᠨ ᠭᠠᠷᠭ᠋ᠠᠭᠰᠠᠨ 《ᠲᠠᠪᠤᠨ ᠶᠡᠬᠡ ᠬᠥᠭᠵᠢᠯᠲᠡ ᠵᠢᠨ ᠣᠨᠤᠯᠵᠢᠬᠤᠨ》᠎ᠤ ᠬᠠᠮᠤᠭ᠎ᠤᠨ ᠲᠡᠷᠢᠭᠦᠨ᠎ᠤ ᠦᠭᠡ᠎ᠨᠢ ᠳᠠᠷᠤᠶ 《ᠰᠢᠨ᠎ᠡ ᠵᠢ ᠡᠭᠦᠳᠬᠦ ᠬᠦᠭᠵᠢᠯᠲᠡ》 ᠪᠣᠯᠤᠨ᠎ᠠ᠃ ᠬᠡᠷᠪᠡ ᠤᠯᠠᠮᠵᠢᠯᠠᠯᠲᠤ ᠬᠥᠭᠵᠢᠯᠲᠡ᠎ᠨᠢ ᠨᠡᠮᠡᠬᠦ ᠲᠣᠮᠢᠶ᠎ᠠ᠎ᠲᠠᠢ ᠠᠳᠠᠯᠢ ᠭᠡᠪᠡᠯ᠂ ᠰᠢᠨ᠎ᠡ ᠵᠢ ᠡᠭᠦᠳᠬᠦ ᠬᠦᠭᠵᠢᠯᠲᠡ᠎ᠨᠢ ᠳᠠᠷᠤᠶ ᠦᠷᠡᠵᠢᠭᠦᠯᠬᠦ ᠲᠣᠮᠢᠶ᠎ᠠ ᠮᠦᠨ᠃ ᠰᠢᠨ᠎ᠡ ᠵᠢ ᠡᠭᠦᠳᠬᠦ ᠬᠥᠭᠵᠢᠯᠲᠡ᠎ᠨᠢ ᠬᠥᠭᠵᠢᠯᠲᠡ ᠵᠢᠨ ᠬᠥᠳᠡᠯᠭᠡᠬᠦ ᠬᠦᠴᠦᠨ᠎ᠤ ᠠᠰᠠᠭᠤᠳᠠᠯ᠎ᠤᠨ ᠰᠢᠢ᠍ᠳᠪᠦᠷᠢᠯᠡᠯᠲᠡ ᠵᠢ ᠴᠢᠬᠣᠯᠠᠴᠢᠯᠠᠬᠤ᠎ᠳᠤ ᠣᠷᠤᠰᠢᠨ᠎ᠠ᠃ ᠮᠠᠨ᠎ᠤ ᠣᠷᠣᠨ᠎ᠤ ᠠᠵᠤ ᠠᠬᠤᠶ ᠵᠢᠨ ᠬᠥᠭᠵᠢᠯᠲᠡ ᠵᠢᠨ ᠰᠢᠨ᠎ᠡ ᠬᠡᠪ ᠪᠠᠶ᠋ᠢᠳᠠᠯ᠎ᠳᠤ ᠣᠷᠤᠬᠤ ᠵᠢ ᠳᠠᠭ᠋ᠠᠯᠳᠤᠨ᠂ ᠠᠵᠤ ᠠᠬᠤᠶ ᠵᠢᠨ ᠬᠥᠭᠵᠢᠯᠲᠡ ᠵᠢᠨ ᠬᠤᠷᠳᠤᠴᠠ᠎ᠨᠢ ᠳᠡᠭᠡᠳᠦ ᠬᠤᠷᠳᠤᠴᠠ᠎ᠠᠴᠠ᠎ᠪᠠᠨ ᠳᠤᠮᠳᠠ ᠳᠡᠭᠡᠳᠦ ᠬᠤᠷᠳᠤᠴᠠ ᠲᠡᠰᠢ ᠰᠢᠯᠵᠢᠵᠦ᠂ ᠬᠥᠭᠵᠢᠯᠲᠡ ᠵᠢᠨ ᠠᠷᠭ᠎ᠠ ᠮᠠᠶᠢᠭ᠎ᠨᠢ ᠬᠡᠪᠴᠢᠶ᠎ᠡ ᠪᠣᠯᠤᠨ ᠬᠤᠷᠳᠤᠴᠠ ᠵᠢ ᠪᠦᠳᠦᠭᠦᠯᠢᠭ ᠵᠶ᠋ᠠᠷ ᠨᠡᠮᠡᠭᠳᠡᠭᠦᠯᠬᠦ᠎ᠠᠴᠠ᠎ᠪᠠᠨ ᠶᠠᠰᠤ ᠴᠢᠨᠠᠷ ᠪᠣᠯᠤᠨ ᠦᠷ᠎ᠡ ᠪᠦᠲᠦᠭᠡᠯ᠎ᠤᠨ ᠡᠷᠴᠢᠮᠯᠢᠭ ᠨᠡᠮᠡᠭᠳᠡᠯ ᠲᠡᠰᠢ ᠬᠤᠪᠢᠷᠠᠨ᠂ ᠠᠵᠤ ᠠᠬᠤᠶ ᠵᠢᠨ ᠪᠦᠲᠦᠴᠡ᠎ᠨᠢ ᠨᠡᠮᠡᠭᠳᠡᠯ᠎ᠤᠨ ᠴᠢᠳᠠᠮᠵᠢ᠎ᠪᠠᠨ ᠥᠷᠭᠡᠳᠬᠡᠬᠦ᠎ᠪᠠᠷ ᠭᠣᠣᠯᠯᠠᠵᠤ ᠪᠠᠶ᠋ᠢᠭᠰᠠᠨ᠎ᠠᠴᠠ᠎ᠪᠠᠨ ᠬᠠᠳᠠᠭ᠋ᠠᠯᠠᠯᠲᠠ ᠵᠢᠨ ᠬᠡᠮᠵᠢᠶ᠎ᠡ ᠵᠢ ᠲᠣᠬᠢᠷᠠᠭᠤᠯᠬᠤ ᠪᠠ ᠰᠢᠯᠢᠳᠡᠭᠵᠢᠭᠦᠯᠬᠦ ᠵᠢ ᠵᠡᠷᠭᠡᠪᠡᠷ ᠠᠳᠬᠤᠵᠦ᠂ ᠡᠯᠧᠮᠧᠨ᠋ᠲ᠎ᠤᠨ ᠥᠪᠡᠷ᠎ᠤᠨ ᠦᠷᠳᠡᠭ᠎ᠤᠨ ᠳᠠᠪᠠᠭᠤᠯᠢᠭ ᠵᠶ᠋ᠠᠷ ᠬᠥᠳᠡᠯᠭᠡᠭᠦᠷ ᠪᠣᠯᠭ᠋ᠠᠭᠰᠠᠨ ᠬᠥᠭᠵᠢᠯᠲᠡ ᠵᠢᠨ ᠣᠷᠣᠨ ᠵᠠᠶ ᠵᠢ ᠪᠠᠭ᠋ᠠᠰᠬᠠᠵᠤ᠂ ᠡᠬᠢ ᠪᠠᠶᠠᠯᠢᠭ ᠣᠷᠴᠢᠨ ᠲᠣᠭᠣᠷᠢᠨ᠎ᠤ ᠥᠪᠡᠷ᠎ᠤᠨ ᠦᠷᠳᠡᠭ ᠪᠠ ᠬᠥᠳᠡᠯᠮᠦᠷᠢ ᠵᠢᠨ ᠬᠦᠴᠦᠨ᠎ᠤ ᠥᠪᠡᠷ᠎ᠤᠨ ᠦᠷᠳᠡᠭ᠎ᠢ ᠦᠷᠭᠦᠯᠵᠢᠯᠡᠨ ᠳᠡᠭᠡᠭᠰᠢᠯᠡᠭᠦᠯᠵᠦ᠂ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ᠎ᠲᠠᠬᠢ ᠪᠡᠯᠡ ᠣᠷᠣᠭᠤᠯᠤᠯᠲᠠ ᠵᠢᠨ ᠡᠵᠡᠯᠡᠬᠦ ᠬᠤᠪᠢ ᠵᠢᠨ ᠵᠢᠩ᠎ᠢ ᠨᠢᠭᠡᠨᠲᠡ ᠨᠡᠯᠢᠶᠡᠳ ᠥᠨᠳᠥᠷ ᠬᠡᠮᠵᠢᠶᠡᠨ᠎ᠳᠤ ᠬᠦᠷᠦᠭᠦᠯᠦᠭᠰᠡᠨ ᠪᠠᠶ᠋ᠢᠨ᠎ᠠ᠃ ᠮᠠᠨ᠎ᠤ ᠣᠷᠣᠨ᠎ᠤ ᠬᠥᠭᠵᠢᠯᠲᠡ ᠵᠢᠨ ᠨᠥᠬᠥᠴᠡᠯ᠂ ᠬᠠᠷᠢᠴᠠᠩᠭᠤᠢ ᠳᠠᠪᠠᠭᠤᠯᠢᠭ᠎ᠤᠨ ᠭᠦᠨᠵᠡᠭᠡᠢ᠌ᠷᠡᠨ ᠬᠤᠪᠢᠷᠠᠬᠤ ᠵᠢ ᠳᠠᠭ᠋ᠠᠯᠳᠤᠨ᠂ ᠪᠢᠳᠡᠨ᠎ᠤ ᠬᠥᠭᠵᠢᠯᠲᠡ ᠵᠢᠨ ᠬᠥᠳᠡᠯᠭᠡᠭᠴᠢ ᠬᠦᠴᠦᠨ᠎ᠨᠢ ᠡᠬᠢ ᠪᠠᠶᠠᠯᠢᠭ ᠪᠠ ᠦᠪᠡᠷ᠎ᠤᠨ ᠦᠷᠲᠡᠭ ᠪᠠᠭ᠋ᠠᠲᠠᠢ ᠬᠥᠳᠡᠯᠮᠦᠷᠢ ᠵᠢᠨ ᠬᠦᠴᠦᠨ ᠵᠡᠷᠭᠡ ᠴᠢᠬᠤᠯᠠ ᠡᠯᠧᠮᠧᠨ᠋ᠲ᠎ᠤᠨ ᠣᠷᠣᠭᠤᠯᠤᠯᠲᠠ ᠵᠢ ᠭᠣᠣᠯᠯᠠᠨ ᠲᠦᠰᠢᠭᠯᠡᠵᠦ ᠪᠠᠢ᠌ᠭᠰᠠᠨ᠎ᠠᠴᠠ᠎ᠪᠠᠨ ᠡᠷᠬᠡᠪᠰᠢ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠵᠦᠭ ᠰᠢᠯᠵᠢᠵᠦ᠂ ᠰᠢᠨ᠎ᠡ ᠵᠢ ᠡᠭᠦᠳᠬᠦ ᠶᠠᠪᠤᠳᠠᠯ᠎ᠢ ᠬᠥᠭᠵᠢᠯᠲᠡ ᠵᠢᠨ ᠪᠦᠬᠦ ᠲᠠᠯ᠎ᠠ ᠵᠢᠨ ᠭᠣᠣᠯᠯᠠᠬᠤ ᠪᠠᠶ᠋ᠢᠷᠢᠨ᠎ᠳᠤ ᠲᠠᠯᠪᠢᠬᠤ ᠵᠢ ᠪᠠᠷᠢᠮᠳᠠᠯᠠᠨ᠂ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠵᠦ᠂ ᠣᠨᠤᠯᠵᠢᠬᠤᠨ᠎ᠤ ᠰᠢᠨᠡᠴᠢᠯᠡᠯᠲᠡ᠂ ᠪᠠᠶ᠋ᠢᠭᠤᠯᠤᠯ᠎ᠤᠨ ᠰᠢᠨᠡᠴᠢᠯᠡᠯᠲᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨᠡᠴᠢᠯᠡᠯᠲᠡ᠂ ᠰᠣᠶᠣᠯ᠎ᠤᠨ ᠰᠢᠨᠡᠴᠢᠯᠡᠯᠲᠡ ᠵᠡᠷᠭᠡ ᠡᠯ᠎ᠡ ᠲᠠᠯ᠎ᠠ᠎ᠪᠠᠷ ᠰᠢᠨ᠎ᠡ ᠵᠢ ᠡᠭᠦᠳᠬᠦ ᠵᠢ ᠲᠠᠰᠤᠷᠠᠯᠲᠠ ᠦᠭᠡᠢ ᠠᠬᠢᠭᠤᠯᠵᠤ᠂ ᠡᠯᠧᠮᠧᠨ᠋ᠲ᠎ᠤᠨ ᠲᠥᠷᠥᠯᠬᠢ ᠠᠪᠢᠶᠠᠰ ᠪᠦᠲᠦᠴᠡ ᠵᠢ ᠰᠠᠢ᠌ᠵᠢᠷᠠᠭᠤᠯᠤᠨ᠂ ᠠᠵᠤ ᠠᠬᠤᠶ ᠵᠢᠨ ᠬᠥᠭᠵᠢᠯᠲᠡ ᠵᠢᠨ ᠠᠷᠭ᠎ᠠ ᠮᠠᠶᠢᠭ᠎ᠢ ᠬᠤᠪᠢᠷᠠᠭᠤᠯᠵᠦ᠂ ᠬᠥᠭᠵᠢᠯᠲᠡ ᠵᠢᠨ ᠶᠠᠰᠤ ᠴᠢᠨᠠᠷ ᠪᠠ ᠦᠷ᠎ᠡ ᠠᠰᠢᠭ᠎ᠢ ᠳᠡᠭᠡᠭᠰᠢᠯᠡᠭᠦᠯᠦᠨ᠂ ᠰᠢᠨ᠎ᠡ ᠵᠢ ᠡᠭᠦᠳᠬᠦ᠎ᠪᠠᠷ ᠬᠦᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠶ᠋ᠢᠷᠢᠰᠢᠯ᠎ᠤᠨ ᠪᠦᠷᠢᠯᠳᠦᠯ᠎ᠢ ᠲᠦᠷᠭᠡᠳᠬᠡᠨ᠎ᠡ᠃ ᠣᠳᠣᠬᠠᠨ᠎ᠳᠤ᠂ ᠮᠠᠨ᠎ᠤ ᠣᠷᠣᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠶᠡᠷᠦᠩᠬᠡᠶ ᠬᠢᠷᠢ ᠬᠡᠮᠵᠢᠶ᠎ᠡ ᠥᠨᠳᠥᠷ ᠪᠢᠰᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠠᠬᠢ ᠲᠤᠯᠭ᠋ᠠᠭᠤᠷᠢᠯᠠᠬᠤ ᠴᠢᠳᠠᠪᠤᠷᠢ ᠠᠨᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠶ ᠵᠢᠨ ᠨᠡᠮᠡᠭᠳᠡᠯ᠎ᠳᠤ ᠦᠵᠡᠭᠦᠯᠬᠦ ᠬᠤᠪᠢ ᠨᠡᠮᠡᠷᠢ ᠵᠢᠨ ᠨᠤᠷᠮ᠎ᠠ ᠥᠨᠳᠥᠷ ᠪᠢᠰᠢ᠂ ᠬᠡᠷᠪᠡ ᠰᠢᠨ᠎ᠡ ᠵᠢ ᠡᠭᠦᠳᠬᠦ ᠬᠦᠭᠵᠢᠯᠲᠡ ᠵᠢᠨ ᠵᠠᠮ ᠵᠶ᠋ᠡᠷ ᠰᠠᠶ᠋ᠢᠲᠤᠷ ᠵᠠᠮᠨᠠᠬᠤ ᠦᠭᠡᠢ ᠪᠣᠯ᠂ ᠬᠥᠭᠵᠢᠯᠲᠡ ᠵᠢᠨ ᠬᠥᠳᠡᠯᠭᠡᠬᠦ ᠬᠦᠴᠦᠨ᠎ᠤ ᠬᠤᠪᠢᠷᠠᠯᠲᠠ ᠵᠢ ᠪᠡᠶᠡᠯᠡᠭᠦᠯᠵᠦ ᠴᠢᠳᠠᠬᠤ ᠦᠭᠡᠢ ᠪᠣᠯᠵᠤ᠂ ᠥᠷᠢᠰᠥᠯᠳᠦᠭᠡᠨ᠎ᠤ ᠳᠤᠮᠳᠠ ᠪᠠᠭᠤᠷᠠᠶ ᠪᠠᠢ᠌ᠷᠢᠨ᠎ᠳᠤ ᠣᠷᠤᠰᠢᠬᠤ ᠪᠣᠯᠤᠨ᠎ᠠ᠃ ᠡᠢ᠌ᠮᠦ᠎ᠠᠴᠠ᠂ ᠪᠢᠳᠡ ᠨᠠᠷ ᠰᠢᠨ᠎ᠡ ᠵᠢ ᠡᠭᠦᠳᠬᠦ ᠶᠠᠪᠤᠳᠠᠯ᠎ᠢ ᠡᠷᠬᠡᠪᠰᠢ ᠬᠥᠭᠵᠢᠯᠲᠡ ᠵᠢ ᠬᠥᠲᠥᠯᠥᠨ ᠳᠠᠭ᠋ᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠪᠣᠯᠭ᠋ᠠᠵᠤ᠂ ᠴᠢᠳᠠᠪᠤᠷᠢᠲᠠᠨ ᠵᠶ᠋ᠠᠷ ᠬᠥᠭᠵᠢᠯᠲᠡ ᠵᠢ ᠲᠤᠯᠭ᠋ᠠᠭᠤᠷᠢᠯᠠᠬᠤ ᠨᠢᠭᠡᠳᠦᠭᠡᠷ ᠡᠬᠢ ᠪᠠᠶᠠᠯᠢᠭ ᠪᠣᠯᠭ᠋ᠠᠨ᠂ ᠰᠢᠨ᠎ᠡ ᠵᠢ ᠡᠭᠦᠳᠬᠦ᠎ᠪᠠᠷ ᠬᠥᠲᠥᠯᠥᠨ ᠳᠠᠭ᠋ᠠᠭᠤᠯᠤᠭᠰᠠᠨ ᠪᠠ ᠲᠤᠯᠭ᠋ᠠᠭᠤᠷᠢᠯᠠᠭᠰᠠᠨ ᠠᠵᠤ ᠠᠬᠤᠶ ᠵᠢᠨ ᠰᠢᠰᠲᠸᠮᠵᠢ ᠪᠣᠯᠤᠨ ᠬᠥᠭᠵᠢᠯᠲᠡ ᠵᠢᠨ ᠵᠠᠭᠪᠤᠷ᠎ᠤᠨ ᠪᠦᠷᠢᠯᠳᠦᠯ᠎ᠢ ᠲᠦᠷᠭᠡᠳᠬᠡᠨ᠎ᠡ᠃
    ᠬᠥᠲᠥᠯᠥᠭᠴᠢ᠄
     《13· 5》 ᠵᠢᠨ ᠬᠤᠭᠤᠴᠠᠭ᠋ᠠᠨ᠎ᠳᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ᠎ᠪᠠᠷ ᠳᠠᠮᠵᠢᠭᠤᠯᠤᠨ ᠮᠠᠨ᠎ᠤ ᠣᠷᠣᠨ᠎ᠤ ᠬᠥᠭᠵᠢᠯᠲᠡ ᠵᠢᠨ ᠶᠠᠰᠤ ᠴᠢᠨᠠᠷ ᠪᠠ ᠦᠷ᠎ᠡ ᠠᠰᠢᠭ᠎ᠢ ᠬᠡᠷᠬᠢᠨ ᠳᠡᠭᠡᠭᠰᠢᠯᠡᠭᠦᠯᠬᠦ

ᠪᠤᠢ?
    ᠸᠠᠩ ᠵᠢᠨ ᠪᠣᠣ᠄
      ᠰᠢᠨ᠎ᠡ ᠵᠢ ᠡᠭᠦᠳᠬᠦ ᠵᠢ ᠪᠠᠷᠢᠮᠲᠠᠯᠠᠬᠤ᠎ᠳᠤ᠂ ᠬᠥᠭᠵᠢᠯᠲᠡ ᠵᠢᠨ ᠰᠠᠭᠤᠷᠢ ᠴᠡᠭ᠎ᠢ ᠡᠷᠬᠡᠪᠰᠢ ᠰᠢᠨ᠎ᠡ ᠵᠢ ᠡᠭᠦᠳᠬᠦ ᠳᠡᠭᠡᠷ᠎ᠡ ᠲᠠᠯᠪᠢᠵᠤ᠂ ᠰᠢᠨᠵᠢᠯᠡᠬᠦ ᠤᠬᠠᠭ᠋ᠠᠨ ᠮᠡᠷᠭᠡᠵᠢᠯ᠂ ᠬᠦᠴᠦᠨ ᠵᠦᠢ᠍ᠯ᠂ ᠠᠵᠤ ᠦᠢ᠍ᠯᠡᠰ᠂ ᠦᠢ᠍ᠯᠡᠳᠬᠦᠨ᠂ ᠵᠣᠬᠢᠶᠠᠨ ᠪᠠᠶ᠋ᠢᠭᠤᠯᠤᠯᠲᠠ᠂ ᠬᠠᠮᠢᠶᠠᠷᠤᠯᠲᠠ᠂ ᠨᠡᠷᠡᠳᠥ ᠲᠥᠷᠥᠯ ᠲᠡᠮᠳᠡᠭᠲᠦ᠂ ᠡᠵᠡᠩᠨᠡᠯᠲᠡ ᠵᠢᠨ ᠬᠡᠯᠪᠡᠷᠢ ᠪᠠᠶ᠋ᠢᠳᠠᠯ᠂ ᠬᠤᠳᠠᠯᠳᠤᠭ᠋ᠠᠨ᠎ᠤ ᠵᠠᠭᠪᠤᠷ᠎ᠤᠨ ᠪᠦᠬᠦ ᠲᠠᠯ᠎ᠠ ᠵᠢᠨ ᠰᠢᠨ᠎ᠡ ᠡᠭᠦᠳᠦᠯᠲᠡ ᠵᠢ ᠲᠦᠯᠬᠢᠨ ᠠᠬᠢᠭᠤᠯᠵᠤ᠂ ᠰᠢᠨ᠎ᠡ ᠵᠢ ᠡᠭᠦᠳᠬᠦ ᠬᠥᠭᠵᠢᠯᠲᠡ ᠵᠢᠨ ᠪᠠᠶ᠋ᠢᠭᠤᠯᠤᠯ ᠲᠣᠭᠲᠠᠴᠠ ᠵᠢ ᠬᠢᠵᠠᠭ᠋ᠠᠷᠯᠠᠬᠤ ᠬᠠᠷᠰᠢ ᠰᠠᠭ᠋ᠠᠳ᠎ᠢ ᠠᠷᠢᠯᠭ᠋ᠠᠵᠤ᠂ ᠰᠢᠨ᠎ᠡ ᠡᠭᠦᠳᠦᠯᠲᠡ᠎ᠪᠠᠷ ᠠᠵᠤ ᠠᠬᠤᠶ ᠵᠢᠨ ᠥᠰᠥᠯᠲᠡ ᠵᠢ ᠳᠠᠶ᠋ᠢᠴᠢᠯᠠᠬᠤ᠂ ᠪᠦᠲᠦᠴᠡ ᠵᠢᠨ ᠰᠢᠯᠢᠳᠡᠭᠵᠢᠭᠦᠯᠦᠯᠲᠡ ᠵᠢ ᠲᠦᠯᠬᠢᠨ ᠠᠬᠢᠭᠤᠯᠬᠤ᠂ ᠬᠥᠳᠡᠯᠭᠡᠭᠴᠢ ᠬᠦᠴᠦᠨ᠎ᠤ ᠬᠤᠪᠢᠷᠠᠭᠤᠯᠤᠯᠲᠠ ᠵᠢ ᠲᠦᠯᠬᠢᠨ ᠠᠬᠢᠭᠤᠯᠬᠤ ᠦᠷᠡᠵᠢᠭᠦᠯᠦᠭᠴᠢ ᠵᠢᠨ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ ᠶᠤᠮ᠃ 《ᠬᠥᠲᠥᠯᠪᠦᠷᠢ》᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲᠸᠮᠵᠢ ᠵᠢ ᠪᠠᠶ᠋ᠢᠭᠤᠯᠬᠤ᠂ ᠰᠢᠨ᠎ᠡ ᠵᠢ ᠡᠭᠦᠳᠬᠦ ᠪᠠᠶ᠋ᠢᠭᠤᠯᠤᠯ ᠲᠣᠭᠲᠠᠴᠠ ᠵᠢ ᠲᠡᠭᠦᠯᠳᠡᠷᠵᠢᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠲᠦᠯᠬᠢᠨ ᠠᠬᠢᠭᠤᠯᠬᠤ᠂ ᠦᠢ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ ᠲᠦᠮᠡᠨ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠵᠢ ᠲᠦᠯᠬᠢᠨ ᠠᠬᠢᠭᠤᠯᠬᠤ᠂ ᠴᠢᠳᠠᠪᠤᠷᠢᠲᠠᠨ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢᠨ ᠲᠣᠭᠣᠷᠢᠨ᠎ᠳᠤ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ ᠬᠡᠷᠡᠭᠲᠡᠢ; ᠠᠵᠤ ᠠᠬᠤᠶ ᠵᠢᠨ ᠦᠨᠳᠦᠰᠦᠨ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠂ ᠤᠳᠤ ᠦᠶ᠎ᠡ ᠵᠢᠨ ᠵᠠᠬ᠎ᠠ ᠳᠡᠯᠭᠡᠭᠦᠷ᠎ᠤᠨ ᠰᠢᠰᠲᠸᠮᠵᠢ ᠵᠢ ᠲᠦᠷᠭᠡᠨ ᠪᠦᠷᠢᠨᠰᠢᠭᠦᠯᠬᠦ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠴᠢᠨᠭ᠌ᠭ᠋ᠠᠳᠬᠠᠬᠤ᠂ ᠡᠳ᠋᠎ᠤᠨ ᠵᠠᠰᠠᠭ ᠭᠠᠶ᠋ᠢᠯᠢ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠯ ᠲᠣᠭᠲᠠᠴᠠ ᠵᠢᠨ ᠰᠢᠨ᠎ᠡ ᠡᠭᠦᠳᠦᠯᠲᠡ ᠵᠢ ᠴᠢᠨᠭ᠌ᠭ᠋ᠠᠳᠬᠠᠬᠤ ᠵᠢᠨ ᠲᠣᠭᠣᠷᠢᠨ᠎ᠳᠤ ᠠᠵᠤ ᠠᠬᠤᠶ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠬᠡᠷᠡᠭᠲᠡᠢ; ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢ ᠲᠥᠷᠭᠡᠳᠬᠡᠨ ᠬᠤᠪᠢᠷᠠᠭᠤᠯᠬᠤ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠦᠷᠢᠮ᠎ᠤᠨ ᠥᠭᠡᠷᠡᠴᠢᠯᠡᠯᠲᠡ ᠵᠢ ᠲᠦᠯᠬᠢᠨ ᠠᠬᠢᠭᠤᠯᠬᠤ᠂ ᠪᠡᠯᠡ ᠣᠷᠣᠭᠤᠯᠤᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠢᠨ ᠲᠣᠭᠣᠷᠢᠨ᠎ᠳᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠬᠡᠷᠡᠭᠲᠡᠢ; ᠬᠦᠷᠢᠶᠡᠯᠡᠩ ᠲᠣᠭᠣᠷᠢᠭ᠎ᠤᠨ ᠪᠠᠢ᠌ᠷᠢᠯᠠᠭᠤᠯᠤᠯᠲᠠ ᠵᠢ ᠰᠢᠯᠢᠳᠡᠭᠵᠢᠭᠦᠯᠬᠦ᠂ ᠬᠦᠷᠢᠶᠡᠯᠡᠩ ᠲᠣᠭᠣᠷᠢᠭ᠎ᠤᠨ ᠰᠠᠭᠤᠷᠢ ᠪᠡᠯᠡᠳᠬᠡᠮᠵᠢ ᠪᠣᠯᠤᠨ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠪᠦᠷᠢᠨᠰᠢᠭᠦᠯᠬᠦ᠂ ᠰᠢᠨ᠎ᠡ ᠵᠢ ᠡᠭᠦᠳᠬᠦ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠪᠠᠶ᠋ᠢᠭᠤᠯᠤᠯ ᠲᠣᠭᠲᠠᠴᠠ ᠵᠢᠨ ᠲᠣᠭᠣᠷᠢᠨ᠎ᠳᠤ ᠠᠵᠤ ᠦᠢ᠍ᠯᠡᠰ᠎ᠤᠨ ᠬᠥᠭᠵᠢᠯᠲᠡ ᠵᠢᠨ ᠰᠢᠨ᠎ᠡ ᠣᠷᠣᠨ ᠵᠠᠶ ᠵᠢ ᠥᠷᠭᠡᠳᠬᠡᠬᠥ ᠬᠡᠷᠡᠭᠲᠡᠢ; ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠬᠦ᠂ ᠪᠡᠶ᠎ᠡ᠎ᠪᠠᠨ ᠳᠠᠭ᠋ᠠᠭ᠋ᠠᠬᠤ ᠨᠡᠷᠡᠳᠦ ᠲᠥᠷᠥᠯ ᠲᠡᠮᠳᠡᠭᠲᠦ ᠵᠢᠨ ᠪᠠᠶ᠋ᠢᠭᠤᠯᠤᠯᠲᠠ ᠵᠢ ᠴᠢᠨᠭ᠌ᠭ᠋ᠠᠳᠬᠠᠬᠤ ᠵᠢᠨ ᠲᠣᠭᠣᠷᠢᠨ᠎ᠳᠤ ᠶᠠᠰᠤ ᠴᠢᠨᠠᠷ ᠪᠣᠯᠣᠨ ᠨᠡᠷᠡᠳᠦ ᠲᠥᠷᠥᠯ ᠲᠡᠮᠳᠡᠭᠲᠦ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠢ; 《ᠢᠨᠲᠸᠷ ᠰᠦᠯᠵᠢᠶ᠎ᠡ +》 ᠠᠵᠢᠯᠯᠠᠭ᠋ᠠᠨ᠎ᠤ ᠲᠥᠯᠥᠪᠯᠡᠭᠡ ᠵᠢ ᠶᠡᠬᠡᠪᠡᠷ ᠬᠡᠷᠡᠭᠵᠢᠭᠦᠯᠬᠦ᠂ ᠲᠣᠮᠣ ᠳ᠋ᠠᠶ᠋ᠢᠲ᠋ᠠ ᠵᠢᠨ ᠬᠥᠭᠵᠢᠯᠲᠡ ᠵᠢ ᠠᠬᠢᠭᠤᠯᠬᠤ ᠵᠢᠨ ᠲᠣᠭᠣᠷᠢᠨ᠎ᠳᠤ ᠢᠨᠲᠸᠷ ᠰᠦᠯᠵᠢᠶᠡᠨ᠎ᠤ ᠠᠵᠤ ᠠᠬᠤᠶ ᠵᠡᠷᠭᠡ 6 ᠰᠢᠨ᠎ᠡ ᠵᠢ ᠡᠭᠦᠳᠬᠦ ᠬᠥᠭᠵᠢᠯᠲᠡ ᠵᠢᠨ ᠬᠦᠴᠦᠯᠡᠬᠦ ᠴᠢᠭ᠋ ᠪᠣᠯᠣᠨ 20 ᠵᠦᠢ᠍ᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠡᠭᠦᠷᠭᠡ ᠵᠢ ᠲᠦᠯᠬᠢᠨ ᠠᠬᠢᠭᠤᠯᠬᠤ ᠬᠡᠷᠡᠭᠲᠡᠢ᠃ ᠡᠳᠡᠭᠡᠷ ᠰᠢᠨ᠎ᠡ ᠵᠢ ᠡᠭᠦᠳᠬᠦ ᠬᠥᠭᠵᠢᠯᠲᠡ ᠵᠢᠨ ᠡᠭᠦᠷᠭᠡ ᠮᠠᠨ᠎ᠤ ᠣᠷᠣᠨ᠎ᠤ ᠬᠣᠶ᠋ᠢᠰᠢᠳᠠ ᠵᠢᠨ ᠲᠠᠪᠤᠨ ᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢ ᠬᠡᠷᠡᠭᠵᠢᠭᠦᠯᠬᠦ ᠵᠠᠮ ᠮᠦᠷ᠎ᠢ ᠵᠢᠷᠤᠭᠯᠠᠵᠤ᠂ ᠮᠠᠨ᠎ᠤ ᠣᠷᠣᠨ᠎ᠤ ᠬᠥᠭᠵᠢᠯᠲᠡ᠎ᠨᠢ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ᠎ᠳᠤ ᠨᠡᠩ ᠢᠯᠡᠭᠦᠦ ᠲᠦᠰᠢᠭᠯᠡᠬᠦ ᠵᠢ ᠬᠥᠲᠥᠯᠥᠨ ᠳᠠᠭ᠋ᠠᠭᠤᠯᠬᠤ ᠬᠡᠷᠡᠭᠲᠡᠢ ᠭᠡᠵᠦ ᠳᠤᠷᠠᠳᠤᠨ ᠭᠠᠷᠭ᠋ᠠᠵᠠᠢ᠃
     《13 · 5》 ᠵᠢᠨ ᠬᠤᠭᠤᠴᠠᠭ᠋ᠠᠨ᠎ᠳᠤ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠤᠯᠬᠤ᠎ᠨᠢ ᠰᠢᠨ᠎ᠡ ᠡᠭᠦᠳᠦᠯᠲᠡ ᠵᠢ ᠥᠪᠡᠷᠲᠡᠭᠡᠨ ᠵᠠᠰᠠᠬᠤ ᠣᠷᠣᠨ᠎ᠤ ᠬᠣᠢ᠌ᠰᠢᠲᠠ ᠵᠢᠨ ᠲᠠᠪᠤᠨ ᠵᠢᠯ᠎ᠳᠠᠬᠢ ᠠᠯᠢᠪᠠ ᠠᠵᠢᠯ᠎ᠳᠤ ᠲᠤᠤᠱᠯᠠᠭᠤᠯᠵᠤ᠂ ᠰᠢᠨ᠎ᠡ ᠵᠢ ᠡᠭᠦᠳᠬᠦ ᠵᠢ ᠪᠦᠬᠦ ᠨᠡᠶ᠋ᠢᠭᠡᠮ᠎ᠤᠨ ᠬᠡᠪ ᠵᠠᠩᠰᠢᠯ ᠪᠣᠯᠭ᠋ᠠᠨ᠎ᠠ᠃ 《ᠬᠥᠲᠥᠯᠪᠦᠷᠢ》᠎ᠳᠤ ᠳᠤᠷᠠᠳᠤᠭᠰᠠᠨ ᠰᠢᠨ᠎ᠡ ᠵᠢ ᠡᠭᠦᠳᠬᠦ ᠬᠥᠭᠵᠢᠯᠲᠡ ᠵᠢᠨ ᠠᠷᠭ᠎ᠠ ᠬᠡᠮᠵᠢᠶ᠎ᠡ᠎ᠨᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠡᠯ᠎ᠡ ᠲᠠᠯ᠎ᠠ᠎ᠳᠤ ᠬᠣᠯᠪᠤᠭᠳᠠᠨ᠎ᠠ᠃ 《ᠬᠥᠲᠥᠯᠪᠦᠷᠢ》 ᠵᠢᠨ ᠱᠠᠭ᠋ᠠᠷᠳᠠᠯᠭ᠎ᠠ ᠵᠢ ᠰᠠᠶ᠋ᠢᠲᠤᠷ ᠲᠤᠤᠱᠯᠠᠭᠤᠯᠤᠨ ᠨᠠᠢ᠌ᠳᠠᠪᠤᠷᠢᠵᠢᠭᠤᠯᠪᠠᠯ᠂ ᠪᠢᠳᠡ ᠰᠠᠶᠢ ᠤᠨᠤᠯ᠎ᠤᠨ ᠰᠢᠨ᠎ᠡ ᠵᠢ ᠡᠭᠦᠳᠬᠦ᠂ ᠪᠠᠶ᠋ᠢᠭᠤᠯᠤᠯ᠎ᠤᠨ ᠰᠢᠨ᠎ᠡ ᠵᠢ ᠡᠭᠦᠳᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠰᠣᠶᠣᠯ᠎ᠤᠨ ᠰᠢᠨ᠎ᠡ ᠵᠢ ᠡᠭᠦᠳᠬᠦ ᠵᠡᠷᠭᠡ ᠡᠯ᠎ᠡ ᠲᠠᠯ᠎ᠠ᠎ᠪᠠᠷ ᠰᠢᠨ᠎ᠡ ᠵᠢ ᠡᠭᠦᠳᠬᠦ ᠵᠢ ᠲᠠᠰᠤᠷᠠᠯᠳᠠ ᠦᠭᠡᠢ ᠲᠦᠯᠬᠢᠨ ᠠᠬᠢᠭᠤᠯᠵᠤ᠂ ᠬᠥᠭᠵᠢᠯᠲᠡ ᠵᠢᠨ ᠶᠠᠰᠤ ᠴᠢᠨᠠᠷ᠎ᠢ ᠨᠡᠩ ᠰᠠᠢ᠍ᠢ᠍ᠨ᠂ ᠦᠷ᠎ᠡ ᠠᠰᠢᠭ᠎ᠢ ᠨᠡᠩ ᠥᠨᠳᠥᠷ᠂ ᠪᠦᠲᠦᠴᠡ᠎ᠢ ᠨᠡᠩ ᠰᠢᠯᠢᠳᠡᠭ ᠪᠣᠯᠭ᠋ᠠᠵᠤ

ᠴᠢᠳᠠᠨ᠎ᠠ᠃
      ᠬᠥᠲᠥᠯᠥᠭᠴᠢ᠄
      ᠵᠣᠬᠢᠴᠠᠩᠭᠤᠶ ᠬᠥᠭᠵᠢᠯᠲᠡ ᠵᠢ ᠬᠡᠷᠬᠢᠨ ᠣᠢ᠌ᠯᠠᠭ᠋ᠠᠪᠠᠯ ᠵᠣᠬᠢᠬᠤ ᠪᠤᠢ?
      ᠸᠠᠩ ᠵᠢᠨ ᠪᠦᠦ᠄
      ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠠᠴᠠ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ ᠬᠠᠷᠠᠯᠲᠠ᠎ᠳᠤ ᠲᠥᠪᠯᠡᠷᠡᠭᠦᠯᠦᠨ᠂ ᠵᠣᠬᠢᠴᠠᠨᠭ᠌ᠭᠤᠢ ᠬᠥᠭᠵᠢᠯᠲᠡ ᠵᠢᠨ ᠣᠨᠣᠯᠵᠢᠬᠤᠨ᠎ᠢ ᠳᠤᠷᠠᠳᠴᠤ᠂ ᠬᠥᠭᠵᠢᠯᠲᠡ ᠵᠢᠨ ᠳᠤᠲᠠᠭᠤ ᠲᠠᠯ᠎ᠠ ᠵᠢ ᠨᠥᠬᠦᠪᠦᠷᠢᠯᠡᠬᠥ᠎ᠪᠠᠷ ᠵᠣᠷᠢᠯᠭ᠎ᠠ ᠪᠣᠯᠭ᠋ᠠᠵᠤ᠂ ᠬᠥᠭᠵᠢᠯᠲᠡ ᠵᠢᠨ ᠲᠡᠩᠴᠡᠭᠦᠷᠢ ᠦᠭᠡᠢ ᠠᠰᠠᠭᠤᠳᠠᠯ᠎ᠢ ᠰᠢᠢ᠍ᠳᠪᠦᠷᠢᠯᠡᠬᠥ ᠪᠣᠯ ᠬᠠᠷᠠᠯᠲᠠ ᠵᠢᠨ ᠤᠳᠤᠷᠢᠳᠤᠮᠵᠢ ᠪᠣᠯᠣᠨ ᠠᠰᠠᠭᠤᠳᠠᠯ᠎ᠤᠨ ᠤᠳᠤᠷᠢᠳᠤᠮᠵᠢ ᠵᠢᠨ ᠨᠢᠭᠡᠳᠦᠯ ᠪᠣᠯᠬᠤ ᠵᠢ ᠬᠠᠷᠠᠭᠤᠯᠵᠤ᠂ ᠠᠯᠤᠰ ᠢᠷᠡᠭᠡᠳᠦᠢ᠎ᠪᠠᠷ ᠵᠣᠭᠰᠤᠴᠠ᠎ᠪᠠᠨ ᠪᠣᠯᠭ᠋ᠠᠵᠤ᠂ ᠪᠦᠬᠦ ᠲᠠᠯ᠎ᠠ ᠵᠢ ᠪᠣᠳᠣᠯᠬᠢᠯᠠᠭᠰᠠᠨ ᠪᠠᠶ᠋ᠢᠯᠳᠤᠬᠤ ᠪᠤᠳᠤᠯᠭ᠎ᠠ ᠵᠢᠨ ᠪᠣᠳᠣᠯᠬᠢᠯᠠᠯ ᠪᠣᠯᠬᠤ ᠶᠤᠮ᠃ ᠥᠭᠡᠷᠡᠴᠢᠯᠡᠯᠲᠡ ᠨᠡᠭᠡᠭᠡᠯᠲᠡ ᠬᠢᠭᠰᠡᠨ 30 ᠭᠠᠷᠤᠶ ᠵᠢᠯ᠎ᠤᠨ ᠲᠦᠷᠭᠡᠨ ᠬᠥᠭᠵᠢᠯᠲᠡ᠎ᠪᠠᠷ ᠳᠠᠮᠵᠢᠭ᠋ᠠᠳ᠂ ᠥᠪᠥᠷ ᠮᠣᠩᠭᠣᠯ ᠪᠥᠬᠥ ᠤᠯᠤᠰ᠎ᠲᠠᠢ ᠠᠳᠠᠯᠢᠬᠠᠨ ᠵᠶ᠋ᠠᠷ ᠲᠡᠩᠴᠡᠭᠦᠷᠢ ᠦᠭᠡᠢ᠂   ᠵᠣᠬᠢᠴᠠᠩᠭᠤᠶ ᠪᠤᠰᠤ᠂ ᠥᠷᠭᠦᠯᠵᠢᠯᠡᠭᠦᠢ᠌ᠴᠡ ᠪᠤᠰᠤ ᠮᠡᠳᠦ ᠵᠢᠨ ᠠᠯᠢ ᠤᠯᠠᠨ ᠠᠰᠠᠭᠤᠳᠠᠯ᠎ᠳᠤ ᠲᠤᠯᠭ᠋ᠠᠷᠠᠵᠤ ᠪᠠᠶ᠋ᠢᠨ᠎ᠠ᠃ ᠣᠷᠣᠨ ᠪᠦᠰᠡ ᠵᠢᠨ ᠵᠥᠷᠢᠶ᠎ᠡ᠂ ᠬᠣᠲᠠ ᠬᠥᠳᠡᠭᠡ ᠵᠢᠨ ᠵᠥᠷᠢᠶ᠎ᠡ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠵᠥᠷᠢᠶ᠎ᠡ᠎ᠠᠴᠠ ᠠᠪᠤᠭ᠋ᠠᠳ ᠠᠵᠤ ᠠᠬᠤᠶ ᠵᠢᠨ ᠪᠦᠲᠦᠴᠡ᠂ ᠠᠵᠤ ᠦᠢ᠍ᠯᠡᠰ᠎ᠤᠨ ᠪᠦᠲᠦᠴᠡ ᠵᠢᠨ ᠵᠦᠢ ᠵᠣᠬᠢᠰ ᠥᠭᠡᠢ ᠠᠰᠠᠭᠤᠳᠠᠯ ᠬᠦᠷᠲᠡᠯ᠎ᠡ᠂ ᠬᠥᠭᠵᠢᠯᠲᠡ ᠵᠢᠨ ᠳᠤᠮᠳᠠᠬᠢ ᠲᠡᠩᠴᠡᠭᠦᠷᠢ ᠦᠭᠡᠢ᠂ ᠵᠣᠬᠢᠴᠠᠩᠭᠤᠶ ᠪᠤᠰᠤ᠂ ᠥᠷᠭᠦᠯᠵᠢᠯᠡᠭᠦᠢ᠌ᠴᠡ ᠪᠤᠰᠤ ᠠᠰᠠᠭᠤᠳᠠᠯ ᠮᠥᠨ ᠬᠥ᠌ ᠲᠤᠪᠤᠢ᠍ᠢ᠍ᠮ᠎ᠠ ᠣᠷᠣᠰᠢᠵᠤ᠂ ᠬᠥᠭᠵᠢᠯᠲᠡ ᠵᠢᠨ ᠣᠨᠣᠯᠵᠢᠬᠤᠨ ᠪᠣᠯᠤᠨ ᠬᠡᠯᠪᠡᠷᠢ ᠵᠢᠨ ᠭᠦᠨᠵᠡᠭᠡᠶ ᠬᠤᠪᠢᠷᠠᠯᠲᠠ ᠡᠭᠦᠰᠬᠥ ᠵᠢ ᠨᠡᠩ ᠬᠤᠷᠳᠤᠳᠬᠠᠪᠠ᠃ ᠵᠣᠬᠢᠴᠠᠩᠭᠤᠶ ᠬᠥᠭᠵᠢᠯᠲᠡ ᠵᠢ ᠪᠠᠷᠢᠮᠲᠠᠯᠠᠬᠤ᠎ᠳᠤ ᠬᠥᠭᠵᠢᠯᠲᠡ ᠵᠢᠨ ᠳᠤᠮᠳᠠᠬᠢ ᠴᠢᠬᠤᠯᠠ ᠶᠡᠬᠡ ᠬᠠᠷᠢᠴᠠᠭ᠎ᠠ ᠵᠢ ᠡᠷᠬᠡᠪᠰᠢ ᠵᠥᠪ ᠵᠶ᠋ᠠᠷ ᠰᠢᠢ᠍ᠳᠪᠦᠷᠢᠯᠡᠨ᠂ ᠬᠤᠳᠠ ᠬᠥᠳᠡᠭᠡ ᠵᠢᠨ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠵᠢ ᠬᠦᠴᠦᠯᠡᠨ ᠠᠬᠢᠭᠤᠯᠵᠤ᠂ ᠠᠵᠤ ᠠᠬᠤᠶ ᠨᠡᠶ᠋ᠢᠭᠡᠮ᠎ᠤᠨ ᠵᠣᠬᠢᠴᠠᠩᠭᠤᠶ ᠬᠥᠭᠵᠢᠯᠲᠡ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠴᠡᠴᠡᠭᠯᠡᠨ ᠬᠥᠭᠵᠢᠬᠦ ᠵᠢ ᠠᠬᠢᠭᠤᠯᠵᠤ᠂ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭ᠋ᠠᠰᠤᠵᠢᠯᠳᠡ᠂ ᠲᠠᠷᠢᠶᠠᠯᠠᠩ ᠮᠠᠯ ᠠᠵᠤ ᠠᠬᠤᠶ ᠵᠢᠨ ᠣᠳᠣᠬᠢᠴᠢᠯᠠᠯᠲᠠ ᠵᠢᠨ ᠵᠡᠷᠭᠡ᠎ᠪᠠᠷ ᠬᠥᠭᠵᠢᠬᠦ ᠵᠢ ᠠᠬᠢᠭᠤᠯᠤᠨ᠂ ᠭᠠᠵᠠᠷ ᠣᠷᠣᠨ᠎ᠤ ᠬᠠᠲᠠᠭᠤ ᠪᠣᠳᠠᠲᠤ ᠬᠦᠴᠦᠨ᠎ᠢ ᠨᠡᠮᠡᠭᠳᠡᠭᠦᠯᠬᠦ ᠵᠢᠨ ᠬᠠᠮᠲᠤ ᠵᠥᠭᠡᠯᠡᠨ ᠪᠣᠳᠠᠲᠤ ᠬᠦᠴᠦᠨ᠎ᠢ ᠳᠡᠭᠡᠭᠰᠢᠯᠡᠭᠦᠯᠬᠦ ᠵᠢ ᠴᠤ᠌ ᠴᠢᠬᠤᠯᠠᠴᠢᠯᠠᠵᠤ᠂ ᠬᠥᠭᠵᠢᠯᠲᠡ ᠵᠢᠨ ᠪᠦᠬᠦᠯᠢ ᠴᠣᠭᠴᠠᠲᠤ ᠴᠢᠨᠠᠷ᠎ᠢ ᠲᠠᠰᠤᠷᠠᠯᠲᠠ ᠦᠭᠡᠢ ᠴᠢᠨᠭ᠌ᠭ᠋ᠠᠷᠠᠭᠤᠯᠪᠠ᠃ ᠵᠣᠬᠢᠴᠠᠩᠭᠤᠶ ᠬᠥᠭᠵᠢᠯᠲᠡ ᠵᠢ ᠪᠠᠷᠢᠮᠲᠠᠯᠠᠬᠤ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠢᠷᠡᠭᠡᠳᠦᠶ ᠵᠢ ᠪᠣᠳᠣᠯᠬᠢᠯᠠᠨ᠂ ᠪᠦᠬᠦ ᠲᠠᠯ᠎ᠠ ᠵᠢ ᠲᠥᠯᠥᠪᠯᠡᠬᠥ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠯᠠᠭᠤᠯᠤᠯᠲᠠ᠎ᠳᠤ ᠴᠢᠬᠤᠯᠠ ᠶᠡᠬᠡ ᠤᠨᠤᠯ᠎ᠤᠨ ᠠᠴᠢ ᠬᠣᠯᠪᠣᠭᠳᠠᠯ ᠪᠣᠯᠣᠨ ᠦᠢ᠍ᠯᠡᠳᠦᠯᠭᠡ ᠵᠢᠨ ᠵᠢᠯᠣᠭᠣᠳᠬᠤ ᠦᠢ᠍ᠯᠡᠳᠦᠯ᠎ᠲᠠᠢ ᠪᠢᠯᠡ᠂ ᠥᠪᠥᠷ ᠮᠣᠩᠭᠣᠯ᠎ᠤᠨ 《13 · 5》 ᠵᠢᠨ ᠬᠤᠭᠤᠴᠠᠭ᠋ᠠᠨ᠎ᠳᠤ ᠲᠡᠷᠡᠴᠢᠯᠡᠨ ᠨᠡᠩ ᠤᠷᠳᠤ ᠬᠤᠭᠤᠴᠠᠭ᠋ᠠᠨ᠎ᠳᠤ ᠡᠷᠬᠡᠪᠰᠢ ᠪᠠᠷᠢᠮᠲᠠᠯᠠᠬᠤ ᠪᠠ ᠲᠤᠤᠱᠯᠠᠭᠤᠯᠬᠤ ᠬᠡᠷᠡᠭᠲᠡᠢ ᠬᠥᠭᠵᠢᠯᠲᠡ ᠵᠢᠨ ᠴᠢᠬᠤᠯᠠ ᠣᠨᠣᠯᠵᠢᠬᠤᠨ᠎ᠤ ᠨᠢᠭᠡ ᠪᠣᠯᠤᠨ᠎ᠠ᠃
      ᠬᠥᠲᠥᠯᠥᠭᠴᠢ᠄
     《13 · 5》 ᠵᠢᠨ ᠬᠤᠭᠤᠴᠠᠭ᠋ᠠᠨ᠎ᠳᠤ᠂ ᠵᠣᠬᠢᠴᠠᠩᠭᠤᠶ ᠬᠥᠭᠵᠢᠯᠲᠡ᠎ᠪᠠᠷ ᠮᠠᠨ᠎ᠤ ᠣᠷᠣᠨ᠎ᠤ ᠬᠥᠭᠵᠢᠯᠲᠡ ᠵᠢᠨ ᠪᠦᠬᠦᠯᠢ ᠴᠣᠭᠴᠠᠲᠤ ᠴᠢᠨᠠᠷ᠎ᠢ ᠬᠡᠷᠬᠢᠨ ᠴᠢᠨᠭ᠌ᠭ᠋ᠠᠳᠬᠠᠬᠤ ᠪᠣᠢ?
    ᠸᠠᠩ ᠵᠢᠨ ᠪᠦᠦ᠄
     《ᠬᠥᠲᠥᠯᠪᠦᠷᠢ》᠎ᠳᠤ ᠳᠤᠷᠠᠳᠤᠨ ᠭᠠᠷᠭ᠋ᠠᠭᠰᠠᠨ᠎ᠨᠢ᠂ ᠵᠣᠬᠢᠴᠠᠭᠤᠯᠬᠤ ᠪᠣᠯ ᠦᠷᠭᠦᠯᠵᠢᠯᠡᠨ ᠡᠷᠡᠭᠦᠯ ᠵᠶ᠋ᠠᠷ ᠬᠥᠭᠵᠢᠭᠦᠯᠬᠦ ᠵᠢᠨ ᠳᠣᠲᠣᠭ᠋ᠠᠳᠤ ᠱᠠᠭ᠋ᠠᠷᠳᠠᠯᠭ᠎ᠠ ᠮᠥᠨ᠂ ᠵᠣᠬᠢᠴᠠᠩᠭᠤᠶ ᠬᠥᠭᠵᠢᠯᠲᠡ ᠵᠢ ᠪᠠᠷᠢᠮᠲᠠᠯᠠᠬᠤ᠎ᠳᠤ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠢ᠍ᠯᠡᠰ᠎ᠤᠨ ᠶᠡᠷᠦᠩᠬᠡᠶ ᠪᠠᠶ᠋ᠢᠷᠢᠯᠠᠭᠤᠯᠤᠯᠲᠠ ᠵᠢ ᠡᠷᠬᠡᠪᠰᠢ ᠪᠠᠲᠤ ᠡᠵᠡᠮᠰᠢᠵᠦ᠂ ᠬᠥᠭᠵᠢᠯᠲᠡ ᠵᠢᠨ ᠳᠤᠮᠳᠠᠬᠢ ᠴᠢᠬᠤᠯᠠ ᠶᠡᠬᠡ ᠬᠠᠷᠢᠴᠠᠭ᠎ᠠ ᠵᠢ ᠵᠥᠪ ᠵᠶ᠋ᠠᠷ ᠰᠢᠢ᠍ᠳᠪᠦᠷᠢᠯᠡᠨ᠂ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ᠂ ᠬᠤᠳᠠ ᠬᠥᠳᠡᠭᠡ ᠵᠢᠨ ᠵᠣᠬᠢᠴᠠᠩᠭᠤᠶ ᠬᠥᠭᠵᠢᠯᠲᠡ᠂ ᠪᠣᠳᠠᠰ᠎ᠤᠨ ᠪᠣᠯᠪᠠᠰᠤᠨ ᠪᠣᠯᠣᠨ ᠤᠶᠤᠨ᠎ᠤ ᠪᠣᠯᠪᠠᠰᠤᠨ᠎ᠤ ᠵᠣᠬᠢᠴᠠᠩᠭᠤᠶ ᠬᠥᠭᠵᠢᠯᠲᠡ᠂ ᠴᠡᠷᠢᠭ ᠠᠷᠠᠳ ᠤᠶᠠᠯᠳᠤᠭᠰᠠᠨ ᠬᠥᠭᠵᠢᠯᠲᠡ ᠵᠢ ᠬᠦᠴᠦᠯᠡᠨ ᠠᠬᠢᠭᠤᠯᠵᠤ᠂ ᠮᠠᠨ᠎ᠤ ᠣᠷᠣᠨ᠎ᠤ 《13 · 5》 ᠵᠢᠨ ᠬᠤᠭᠤᠴᠠᠭ᠋ᠠᠨ᠎ᠤ ᠪᠦᠬᠦᠯᠢ ᠴᠤᠭᠴᠠ ᠵᠢᠨ ᠴᠢᠨᠠᠷ᠎ᠲᠠᠢ ᠬᠥᠭᠵᠢᠯᠲᠡ ᠵᠢᠨ ᠰᠢᠨ᠎ᠡ ᠪᠠᠢ᠌ᠷᠢᠯᠠᠭᠤᠯᠤᠯᠲᠠ᠎ᠢ ᠲᠣᠢ᠌ᠮᠣᠯᠠᠨ ᠵᠢᠷᠤᠭᠯᠠᠬᠤ ᠬᠡᠷᠡᠭᠲᠡᠢ

ᠭᠡᠵᠡᠢ᠃
      ᠵᠣᠬᠢᠴᠠᠩᠭᠤᠶ ᠬᠥᠭᠵᠢᠯᠲᠡ ᠵᠢ ᠪᠠᠷᠢᠮᠳᠠᠯᠠᠬᠤ᠎ᠳᠤ ᠣᠷᠣᠨ ᠪᠦᠰᠡ ᠵᠢᠨ ᠬᠥᠭᠵᠢᠯᠲᠡ ᠵᠢᠨ ᠲᠡᠩᠴᠡᠭᠦᠷᠢ ᠦᠭᠡᠢ ᠳᠤᠲᠠᠭᠤ ᠲᠠᠯ᠎ᠠ ᠵᠢ ᠬᠦᠴᠦᠯᠡᠨ ᠨᠥᠬᠦᠪᠦᠷᠢᠯᠡᠬᠥ ᠬᠡᠷᠡᠭᠲᠡᠢ᠃ 《ᠬᠥᠲᠦᠯᠪᠦᠷᠢ》᠎ᠳᠤ ᠳᠤᠷᠠᠳᠤᠨ ᠭᠠᠷᠭ᠋ᠠᠭᠰᠠᠨ᠎ᠨᠢ᠂ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠵᠢ ᠲᠦᠯᠬᠢᠨ ᠠᠬᠢᠭᠤᠯᠬᠤ᠎ᠳᠤ ᠭᠤᠤᠯᠳᠠᠭᠤ ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠬᠥᠭᠵᠢᠬᠦ ᠵᠢ ᠲᠥᠯᠬᠢᠨ ᠠᠬᠢᠭᠤᠯᠬᠤ᠂ ᠦᠬᠠᠶ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠨᠢᠭᠡ ᠴᠣᠭᠴᠠᠵᠢᠭᠰᠠᠨ ᠬᠥᠭᠵᠢᠯᠲᠡ ᠵᠢ ᠲᠥᠯᠬᠢᠨ ᠠᠬᠢᠭᠤᠯᠬᠤ᠂ ᠵᠡᠭᠦᠨ ᠣᠷᠣᠨ᠎ᠤ ᠲᠥᠷᠭᠡᠨ ᠬᠥᠭᠵᠢᠯᠲᠡ ᠵᠢ ᠲᠥᠯᠬᠢᠨ ᠠᠬᠢᠭᠤᠯᠬᠤ᠂ ᠰᠢᠶᠠᠨ᠎ᠤ ᠬᠡᠪᠴᠢᠶᠡᠨ᠎ᠤ ᠠᠵᠤ ᠠᠬᠤᠶ ᠵᠢᠨ ᠬᠥᠭᠵᠢᠯᠲᠡ ᠵᠢ ᠲᠥᠯᠬᠢᠨ ᠠᠬᠢᠭᠤᠯᠬᠤ᠂ ᠴᠥᠭᠡᠨ ᠲᠣᠭ᠋ᠠᠲᠤ ᠦᠨᠳᠦᠰᠦᠲᠡᠨ ᠲᠥᠪᠯᠡᠷᠡᠨ ᠰᠠᠭᠤᠭ᠎ᠠ ᠭᠠᠵᠠᠷ ᠣᠷᠣᠨ᠎ᠤ ᠲᠥᠷᠭᠡᠨ ᠬᠥᠭᠵᠢᠯᠲᠡ ᠵᠢ ᠳᠡᠮᠵᠢᠬᠦ ᠵᠡᠷᠭᠡ ᠲᠠᠯ᠎ᠠ᠎ᠪᠠᠷ ᠬᠦᠴᠦ ᠲᠠᠯᠪᠢᠨ᠂ ᠡᠯ᠎ᠡ ᠭᠠᠵᠠᠷ᠎ᠤᠨ ᠬᠠᠷᠢᠴᠠᠩᠭᠤᠶ ᠳᠠᠪᠠᠭᠤᠯᠢᠭ ᠲᠠᠯ᠎ᠠ ᠵᠢ ᠭᠦᠢ᠍ᠴᠡᠳ ᠪᠠᠳᠠᠷᠠᠭᠤᠯᠵᠤ᠂ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠵᠢ ᠨᠡᠩ ᠳᠡᠭᠡᠳᠦ ᠲᠡᠰ ᠳᠠᠪᠬᠤᠷᠭ᠎ᠠ᠂ ᠨᠡᠩ ᠥᠷᠭᠡᠨ ᠣᠷᠣᠨ ᠵᠠᠶ᠎ᠠᠴᠠ ᠠᠬᠢᠭᠤᠯᠵᠤ᠂ ᠬᠦᠴᠦᠨ ᠵᠦᠢ᠍ᠯ᠎ᠤᠨ ᠡᠮᠬᠢ ᠵᠢᠷᠤᠮ᠎ᠲᠠᠢ ᠴᠢᠯᠥᠭᠡᠲᠡᠶ ᠰᠢᠯᠵᠢᠬᠥ᠂ ᠪᠡᠶᠡᠴᠢ ᠴᠣᠭᠴᠠ ᠵᠢᠨ ᠴᠢᠳᠠᠮᠵᠢ ᠵᠢ ᠪᠥᠲᠥᠮᠵᠢᠲᠡᠢ ᠬᠢᠵᠠᠭ᠋ᠠᠷᠯᠠᠬᠤ᠂ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢ ᠠᠳᠠᠯᠢ ᠲᠡᠭᠰᠢ ᠪᠠᠢ᠌ᠯᠭ᠋ᠠᠬᠤ᠂ ᠡᠬᠢ ᠪᠠᠶᠠᠯᠢᠭ᠎ᠤᠨ ᠣᠷᠴᠢᠨ ᠲᠣᠭᠣᠷᠢᠨ ᠳᠠᠭ᠋ᠠᠭ᠋ᠠᠵᠤ ᠳᠡᠢ᠌ᠯᠬᠥ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠵᠢᠨ ᠰᠢᠨ᠎ᠡ ᠪᠠᠢ᠌ᠷᠢᠯᠠᠭᠤᠯᠤᠯᠲᠠ ᠵᠢ ᠪᠤᠢ ᠪᠣᠯᠭ᠋ᠠᠬᠤ ᠬᠡᠷᠡᠭᠲᠡᠶ

ᠭᠡᠵᠡᠢ᠃
      ᠵᠣᠬᠢᠴᠠᠩᠭᠤᠶ ᠬᠥᠭᠵᠢᠯᠲᠡ ᠵᠢ ᠪᠠᠷᠢᠮᠳᠠᠯᠠᠬᠤ᠎ᠳᠤ ᠬᠤᠳᠠ ᠬᠥᠳᠡᠭᠡ ᠵᠢᠨ ᠪᠦᠲᠦᠴᠡ ᠵᠢᠨ ᠵᠦᠢ ᠵᠤᠬᠢᠰ ᠦᠭᠡᠢ ᠪᠠᠢ᠌ᠬᠤ ᠳᠤᠲᠠᠭᠤ ᠲᠠᠯ᠎ᠠ ᠵᠢ ᠬᠦᠴᠦᠯᠡᠨ ᠨᠥᠬᠦᠪᠦᠷᠢᠯᠡᠬᠥ ᠬᠡᠷᠡᠭᠲᠡᠢ᠃ 《ᠬᠥᠲᠦᠯᠪᠦᠷᠢ》᠎ᠳᠤ ᠳᠤᠷᠠᠳᠤᠨ ᠭᠠᠷᠭ᠋ᠠᠭᠰᠠᠨ᠎ᠨᠢ᠂ ᠬᠤᠳᠠ ᠬᠥᠳᠡᠭᠡ ᠵᠢᠨ ᠵᠣᠬᠢᠴᠠᠩᠭᠤᠶ ᠬᠥᠭᠵᠢᠯᠲᠡ ᠵᠢ ᠲᠦᠯᠬᠢᠨ ᠠᠬᠢᠭᠤᠯᠬᠤ᠎ᠳᠤ ᠭᠣᠣᠯᠳᠠᠭᠤ ᠮᠠᠯᠵᠢᠬᠤ ᠲᠠᠷᠢᠶᠠᠯᠠᠬᠤ ᠣᠷᠣᠨ᠎ᠤ ᠨᠡᠭᠦᠨ ᠰᠢᠯᠵᠢᠭᠰᠡᠨ ᠬᠥᠮᠦᠨ ᠠᠮᠠ ᠵᠢ ᠬᠤᠲᠠ ᠵᠢᠨ ᠠᠷᠠᠳ ᠪᠣᠯᠭ᠋ᠠᠬᠤ ᠵᠢ ᠲᠦᠷᠭᠡᠳᠬᠡᠬᠦ᠂ ᠬᠣᠲᠠ ᠪᠠᠯᠭ᠋ᠠᠰᠤ ᠵᠢᠨ ᠶᠡᠷᠦᠩᠬᠡᠶ ᠳᠠᠭ᠋ᠠᠭ᠋ᠠᠴᠠ ᠵᠢ ᠳᠡᠭᠡᠭᠰᠢᠯᠡᠬᠥᠯᠬᠦ᠂ ᠬᠥᠮᠦᠨ ᠨᠡᠶ᠋ᠢᠭᠡᠮ᠎ᠤᠨ ᠪᠣᠬᠢᠷᠲᠤᠯ ᠦᠭᠡᠢ ᠤᠶᠤᠨ ᠪᠢᠯᠢᠭᠲᠦ ᠬᠤᠳᠠ ᠵᠢ ᠪᠥᠲᠦᠭᠡᠨ ᠪᠠᠢ᠌ᠭᠤᠯᠬᠤ ᠵᠡᠷᠭᠡ ᠲᠠᠯ᠎ᠠ᠎ᠪᠠᠷ ᠬᠥᠮᠦᠨ ᠵᠶ᠋ᠠᠷ ᠭᠣᠣᠯᠯᠠᠭᠤᠯᠤᠭᠰᠠᠨ ᠰᠢᠨ᠎ᠡ ᠮᠠᠶᠢᠭ᠎ᠤᠨ ᠬᠣᠲᠠ ᠪᠠᠯᠭ᠋ᠠᠰᠤᠵᠢᠯᠲᠠ ᠪᠥᠭᠡᠳ ᠦᠵᠡᠰᠬᠦᠯᠡᠩᠲᠦ ᠰᠠᠶ᠋ᠢᠬᠠᠨ ᠣᠷᠣᠰᠢᠨ ᠰᠠᠭᠤᠬᠤ᠎ᠳᠤ ᠲᠠᠭ᠋ᠠᠲᠠᠢ ᠬᠥᠳᠡᠭᠡ ᠲᠣᠰᠬᠣᠨ᠎ᠢ ᠪᠥᠲᠦᠭᠡᠨ ᠪᠠᠢ᠌ᠭᠤᠯᠵᠤ᠂ ᠬᠤᠳᠠ ᠬᠥᠳᠡᠭᠡ ᠠᠭᠤᠰᠤᠯᠴᠠᠭᠰᠠᠨ ᠪᠠᠢ᠌ᠭᠤᠯᠤᠯ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠵᠡᠷᠭᠡ ᠲᠠᠯ᠎ᠠ᠎ᠪᠠᠷ ᠰᠢᠨ᠎ᠡ ᠮᠠᠯᠵᠢᠬᠤ ᠣᠷᠣᠨ ᠰᠢᠨ᠎ᠡ ᠲᠠᠷᠢᠶᠠᠯᠠᠬᠤ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠠᠵᠤ ᠦᠢ᠍ᠯᠡᠳᠪᠦᠷᠢ᠎ᠪᠠᠷ ᠲᠠᠷᠢᠶᠠᠯᠠᠩ ᠠᠵᠤ ᠠᠬᠤᠶ ᠵᠢ ᠳᠡᠳᠬᠦᠬᠦ᠂ ᠬᠤᠳᠠ᠎ᠪᠠᠷ ᠮᠠᠯᠵᠢᠬᠤ ᠲᠠᠷᠢᠶᠠᠯᠠᠬᠤ ᠣᠷᠣᠨ᠎ᠢ ᠳᠡᠮᠵᠢᠬᠥ ᠵᠢ ᠪᠠᠷᠢᠮᠲᠠᠯᠠᠵᠤ᠂ ᠬᠤᠲᠠ ᠬᠥᠳᠡᠭᠡ ᠵᠢᠨ ᠬᠦᠴᠦᠨ ᠵᠦᠢ᠍ᠯ᠎ᠤᠨ ᠡᠷᠬᠡ ᠲᠡᠭᠰᠢ ᠰᠣᠯᠢᠯᠴᠠᠭ᠎ᠠ᠂ ᠵᠦᠢ ᠵᠣᠬᠢᠰᠲᠠᠶ ᠲᠣᠬᠢᠷᠠᠭᠤᠯᠣᠯᠲᠠ ᠪᠣᠯᠣᠨ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢ ᠠᠳᠠᠯᠢ ᠲᠡᠭᠰᠢ ᠪᠣᠯᠭ᠋ᠠᠬᠤ ᠵᠢ ᠠᠬᠢᠭᠤᠯᠤᠨ ᠪᠡᠶᠡᠯᠡᠭᠦᠯᠵᠦ᠂ ᠮᠠᠨ᠎ᠤ ᠣᠷᠣᠨ᠎ᠤ ᠬᠤᠳᠠ ᠬᠥᠳᠡᠭᠡ ᠵᠢᠨ ᠵᠣᠬᠢᠴᠠᠩᠭᠤᠶ ᠬᠥᠭᠵᠢᠯᠲᠡ ᠵᠢ ᠠᠬᠢᠭᠤᠯᠬᠤ ᠬᠡᠷᠡᠭᠲᠡᠶ ᠭᠡᠪᠡ᠃
      ᠵᠣᠬᠢᠴᠠᠩᠭᠤᠶ ᠬᠥᠭᠵᠢᠯᠲᠡ ᠵᠢ ᠪᠠᠷᠢᠮᠳᠠᠯᠠᠬᠤ᠎ᠳᠤ ᠤᠶᠤᠨ᠎ᠤ ᠪᠣᠯᠪᠠᠰᠤᠨ᠎ᠤ 《ᠵᠥᠭᠡᠯᠡᠨ ᠪᠣᠳᠠᠲᠤ ᠬᠦᠴᠦᠨ》 ᠴᠢᠩᠭ᠎ᠠ ᠪᠢᠰᠢ ᠪᠠᠢ᠌ᠬᠤ ᠳᠤᠲᠠᠭᠤ ᠲᠠᠯ᠎ᠠ ᠵᠢ ᠬᠦᠴᠦᠯᠡᠨ ᠨᠥᠬᠦᠪᠦᠷᠢᠯᠡᠬᠥ ᠬᠡᠷᠡᠭᠲᠡᠢ᠃ 《ᠬᠥᠲᠦᠯᠪᠦᠷᠢ》᠎ᠳᠤ ᠳᠤᠷᠠᠳᠤᠨ ᠭᠠᠷᠭ᠋ᠠᠭᠰᠠᠨ᠎ᠨᠢ᠂ 《ᠬᠣᠶᠠᠷ ᠲᠠᠯ᠎ᠠ ᠵᠢ ᠠᠳᠬᠤᠵᠤ᠂ ᠬᠣᠶᠠᠷ ᠲᠠᠯ᠎ᠠ ᠵᠢ ᠴᠥᠮ ᠴᠢᠩᠭ᠎ᠠ ᠠᠳᠬᠤᠬᠤ》 ᠵᠢ ᠪᠠᠷᠢᠮᠲᠠᠯᠠᠨ᠂ ᠪᠣᠳᠠᠰ᠎ᠤᠨ ᠪᠣᠯᠪᠠᠰᠤᠨ ᠪᠣᠯᠣᠨ ᠤᠶᠤᠨ᠎ᠤ ᠪᠣᠯᠪᠠᠰᠤᠨ᠎ᠤ ᠵᠣᠬᠢᠴᠠᠩᠭᠤᠶ ᠬᠥᠭᠵᠢᠯᠲᠡ ᠵᠢ ᠠᠬᠢᠭᠤᠯᠵᠤ᠂ ᠨᠡᠶ᠋ᠢᠭᠡᠮ ᠵᠢᠷᠤᠮ᠎ᠤᠨ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠭᠣᠣᠯᠳᠠᠭᠤ ᠨᠡᠶ᠋ᠢᠭᠡᠮ ᠵᠢᠷᠤᠮ᠎ᠤᠨ ᠭᠣᠣᠯᠯᠠᠬᠤ ᠥᠷᠲᠡᠭ᠎ᠤᠨ ᠦᠵᠡᠯᠲᠡ ᠵᠢ ᠪᠣᠶ᠋ᠢᠵᠢᠭᠤᠯᠤᠨ ᠦᠢ᠍ᠯᠡᠳᠦᠯᠭᠡᠵᠢᠭᠦᠯᠬᠦ᠂ ᠶᠠᠷᠢᠶ᠎ᠠ ᠬᠡᠯᠡᠯᠴᠡᠭᠡᠨ᠎ᠤ ᠬᠥᠲᠥᠯᠥᠨ ᠵᠢᠯᠣᠭᠣᠳᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠂ ᠰᠣᠶᠣᠯ᠎ᠤᠨ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ᠂ ᠰᠣᠶᠣᠯ᠎ᠤᠨ ᠪᠠᠶ᠋ᠢᠭᠤᠯᠤᠯ ᠲᠣᠭᠲᠠᠴᠠ ᠵᠢᠨ ᠰᠢᠨ᠎ᠡ ᠵᠢ ᠡᠭᠦᠳᠬᠦ ᠵᠢ ᠲᠦᠯᠬᠢᠨ ᠠᠬᠢᠭᠤᠯᠬᠤ᠂ ᠰᠣᠶᠣᠯ᠎ᠤᠨ ᠠᠵᠤ ᠦᠢ᠍ᠯᠡᠰ᠎ᠢ ᠪᠣᠶ᠋ᠢᠵᠢᠭᠤᠯᠬᠤ ᠪᠠ ᠪᠤᠵᠠᠭ᠋ᠠᠶ᠋ᠢᠷᠠᠭᠤᠯᠬᠤ ᠵᠡᠷᠭᠡ ᠲᠠᠯ᠎ᠠ᠎ᠪᠠᠷ ᠬᠦᠴᠦ ᠲᠠᠯᠪᠢᠨ᠂ ᠠᠷᠠᠳ ᠲᠦᠮᠡᠨ ᠵᠶ᠋ᠠᠷ ᠭᠣᠣᠯ ᠪᠣᠯᠭ᠋ᠠᠭᠰᠠᠨ ᠠᠵᠢᠯ᠎ᠤᠨ ᠤᠳᠤᠷᠢᠳᠤᠮᠵᠢ ᠵᠢ ᠪᠠᠷᠢᠮᠲᠠᠯᠠᠵᠤ᠂ ᠨᠡᠶ᠋ᠢᠭᠡᠮ᠎ᠤᠨ ᠦᠷ᠎ᠡ ᠠᠰᠢᠭ᠎ᠢ ᠲᠡᠷᠢᠭᠦᠨ ᠪᠠᠶ᠋ᠢᠷᠢᠨ᠎ᠳᠤ ᠲᠠᠯᠪᠢᠬᠤ᠂ ᠨᠡᠶ᠋ᠢᠭᠡᠮ᠎ᠤᠨ ᠦᠷ᠎ᠡ ᠠᠰᠢᠭ ᠪᠣᠯᠣᠨ ᠠᠵᠤ ᠠᠬᠤᠶ ᠵᠢᠨ ᠦᠷ᠎ᠡ ᠠᠰᠢᠭ᠎ᠢ ᠬᠠᠷᠢᠯᠴᠠᠨ ᠨᠢᠬᠡᠲᠦᠯᠲᠡᠢ ᠪᠠᠢ᠌ᠯᠭ᠋ᠠᠬᠤ ᠵᠢ ᠪᠠᠷᠢᠮᠲᠠᠯᠠᠵᠤ᠂ ᠦᠨᠳᠦᠰᠦᠲᠡᠨ ᠪᠣᠯᠣᠨ ᠣᠷᠣᠨ ᠪᠦᠰᠡ ᠵᠢᠨ ᠣᠨᠴᠠᠯᠢᠭ᠎ᠢ ᠪᠠᠷᠢᠮᠲᠠᠯᠠᠨ᠂ ᠪᠣᠳᠠᠰ᠎ᠤᠨ ᠪᠣᠯᠪᠠᠰᠤᠨ ᠪᠣᠯᠣᠨ ᠤᠶᠤᠨ᠎ᠤ ᠪᠣᠯᠪᠠᠰᠤᠨ᠎ᠤ ᠵᠣᠬᠢᠴᠠᠩᠭᠤᠶ ᠬᠥᠭᠵᠢᠯᠲᠡ ᠵᠢ ᠠᠬᠢᠭᠤᠯᠵᠤ᠂ ᠦᠨᠳᠦᠰᠦᠲᠡᠨ᠎ᠤ ᠰᠣᠶᠣᠯ᠎ᠤᠨ ᠬᠦᠴᠦᠷᠬᠡᠭ ᠣᠷᠣᠨ᠎ᠢ ᠪᠥᠲᠦᠭᠡᠨ ᠪᠠᠢ᠌ᠭᠤᠯᠬᠤ ᠬᠡᠷᠡᠭᠲᠡᠢ ᠭᠡᠪᠡ᠃
      ᠵᠣᠬᠢᠴᠠᠩᠭᠤᠶ ᠬᠥᠭᠵᠢᠯᠲᠡ ᠵᠢ ᠪᠠᠷᠢᠮᠳᠠᠯᠠᠬᠤ᠎ᠳᠤ ᠴᠡᠷᠢᠭ᠎ᠤᠨ ᠬᠡᠷᠡᠭᠯᠡᠭᠡ ᠪᠣᠯᠣᠨ ᠠᠷᠠᠳ᠎ᠤᠨ ᠬᠡᠷᠡᠭᠯᠡᠭᠡ ᠵᠢᠨ ᠠᠭᠤᠰᠤᠯᠴᠠᠨ ᠬᠥᠭᠵᠢᠭᠰᠡᠨ ᠬᠡᠮᠵᠢᠶ᠎ᠡ ᠭᠦᠨᠵᠡᠭᠡᠢ ᠪᠢᠰᠢ ᠪᠠᠢ᠌ᠬᠤ ᠳᠤᠲᠠᠭᠤ ᠲᠠᠯ᠎ᠠ ᠵᠢ ᠬᠦᠴᠦᠯᠡᠨ ᠨᠥᠬᠦᠪᠦᠷᠢᠯᠡᠬᠥ ᠬᠡᠷᠡᠭᠲᠡᠢ᠃ 《ᠬᠥᠲᠦᠯᠪᠦᠷᠢ》᠎ᠳᠤ ᠳᠤᠷᠠᠳᠤᠨ ᠭᠠᠷᠭ᠋ᠠᠭᠰᠠᠨ᠎ᠨᠢ᠂ ᠴᠡᠷᠢᠭ᠎ᠤᠨ ᠬᠡᠷᠡᠭᠯᠡᠭᠡ ᠪᠣᠯᠣᠨ ᠠᠷᠠᠳ᠎ᠤᠨ ᠬᠡᠷᠡᠭᠯᠡᠭᠡ ᠵᠢ ᠠᠭᠤᠰᠤᠯᠴᠠᠭᠤᠯᠬᠤ᠂ ᠴᠡᠷᠢᠭ᠎ᠤᠨ ᠬᠡᠷᠡᠭᠯᠡᠭᠡᠨ᠎ᠳᠤ ᠠᠷᠠᠳ᠎ᠤᠨ ᠬᠡᠷᠡᠭᠯᠡᠭᠡ ᠵᠢ ᠠᠭᠤᠯᠤᠨ᠂ ᠴᠡᠷᠢᠭ᠎ᠤᠨ ᠬᠡᠷᠡᠭᠯᠡᠭᠡ ᠪᠠ ᠠᠷᠠᠳ᠎ᠤᠨ ᠬᠡᠷᠡᠭᠯᠡᠭᠡ ᠠᠭᠤᠰᠤᠯᠴᠠᠭᠰᠠᠨ ᠪᠠᠶ᠋ᠢᠭᠤᠯᠤᠯ ᠲᠣᠭᠲᠠᠴᠠ ᠵᠢ ᠪᠠᠶ᠋ᠢᠭᠤᠯᠵᠤ᠂ ᠤᠯᠠᠨ ᠬᠦᠷᠢᠶ᠎ᠡ ᠬᠡᠪᠴᠢᠶᠡᠨ᠎ᠳᠠᠬᠢ ᠴᠡᠷᠢᠭ᠎ᠤᠨ ᠬᠡᠷᠡᠭᠯᠡᠭᠡ ᠪᠣᠯᠣᠨ ᠠᠷᠠᠳ᠎ᠤᠨ ᠬᠡᠷᠡᠭᠯᠡᠭᠡᠨ᠎ᠤ ᠬᠥᠭᠵᠢᠯᠲᠡ ᠵᠢ ᠲᠦᠯᠬᠢᠨ ᠠᠬᠢᠭᠤᠯᠵᠤ᠂ ᠪᠦᠭᠦ ᠬᠦᠴᠦᠨ ᠵᠦᠢ᠍ᠯ᠎ᠤᠨ᠂ ᠤᠯᠠᠨ ᠬᠦᠷᠢᠶ᠎ᠡ ᠬᠡᠪᠴᠢᠶᠡᠨ᠎ᠳᠠᠬᠢ᠂ ᠥᠨᠳᠥᠷ ᠦᠷ᠎ᠡ ᠠᠰᠢᠭᠲᠠᠢ ᠴᠡᠷᠢᠭ᠎ᠤᠨ ᠬᠡᠷᠡᠭᠯᠡᠭᠡ ᠪᠣᠯᠣᠨ ᠠᠷᠠᠳ᠎ᠤᠨ ᠬᠡᠷᠡᠭᠯᠡᠭᠡ ᠵᠢ ᠭᠦᠨᠵᠡᠭᠡᠶ ᠠᠭᠤᠰᠤᠯᠴᠠᠨ ᠬᠥᠭᠵᠢᠭᠦᠯᠬᠦ ᠪᠠᠢ᠌ᠷᠢᠯᠠᠭᠤᠯᠤᠯᠲᠠ ᠵᠢ ᠲᠦᠷᠭᠡᠨ ᠪᠤᠢ ᠪᠣᠯᠭ᠋ᠠᠬᠤ ᠬᠡᠷᠡᠭᠲᠡᠶ ᠭᠡᠵᠡᠢ᠃
     《13 · 5》 ᠵᠢᠨ ᠬᠥᠭᠵᠢᠯᠲᠡ ᠵᠢᠨ ᠨᠢᠭᠡᠨ ᠬᠥᠯᠭᠡ ᠰᠢᠲᠠᠷ᠎ᠠ ᠵᠢ ᠰᠠᠢ᠌ᠬᠠᠨ ᠲᠠᠯᠪᠢᠬᠤ᠎ᠳᠤ᠂ ᠵᠣᠬᠢᠴᠠᠩᠭᠤᠶ ᠬᠥᠭᠵᠢᠯᠲᠡ ᠪᠣᠯ ᠰᠢᠢ᠍ᠳᠪᠦᠷᠢᠯᠡᠭᠴᠢ ᠢᠯᠠᠯᠲᠠ ᠤᠯᠬᠤ ᠵᠢᠨ ᠠᠨᠢᠰᠤ ᠮᠥᠨ᠃ ᠪᠣᠣᠭᠢᠶ᠎ᠡ ᠳᠠᠮᠵᠢᠭᠤᠯᠤᠨ ᠬᠦᠴᠦ ᠵᠠᠯᠭ᠋ᠠᠬᠤ ᠲᠡᠦᠬᠡᠨ ᠴᠠᠭ ᠦᠶ᠎ᠡ᠎ᠳᠤ᠂ ᠵᠣᠬᠢᠴᠠᠩᠭᠤᠶ ᠬᠥᠭᠵᠢᠯᠲᠡ ᠵᠢᠨ ᠣᠷᠣᠨ ᠵᠠᠶ ᠵᠢ ᠥᠷᠭᠡᠳᠬᠡᠬᠥ ᠵᠢ ᠪᠠᠷᠢᠮᠲᠠᠯᠠᠵᠤ᠂ ᠪᠠᠭᠤᠷᠠᠶ ᠬᠦᠷᠢᠶᠡᠨ᠎ᠳᠠᠬᠢ ᠬᠥᠭᠵᠢᠯᠲᠡ ᠵᠢᠨ ᠰᠡᠯᠭᠦᠬᠦ ᠬᠦᠴᠦᠨ᠎ᠤ ᠨᠡᠮᠡᠭᠳᠡᠯᠲᠡ ᠵᠢ ᠴᠢᠨᠭ᠌ᠭ᠋ᠠᠷᠠᠭᠤᠯᠵᠤ᠂ ᠲᠡᠨᠭᠴᠡᠭᠦᠷᠢ᠎ᠲᠠᠢ ᠪᠠᠢ᠌ᠬᠤ ᠵᠢ ᠵᠣᠬᠢᠴᠠᠭᠤᠯᠤᠨ ᠭᠠᠷᠭ᠋ᠠᠵᠤ᠂ ᠨᠡᠶ᠋ᠢᠯᠡᠮᠡᠯ ᠬᠦᠴᠦᠨ᠎ᠢ ᠵᠣᠬᠢᠴᠠᠭᠤᠯᠤᠨ ᠭᠠᠷᠭ᠋ᠠᠬᠤ᠎ᠳᠤ ᠬᠦᠷᠪᠡᠯ ᠪᠢᠳᠡ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ ᠰᠢᠢ᠍ᠳᠪᠦᠷᠢᠲᠦ ᠱᠠᠲᠤᠨ᠎ᠤ ᠠᠭᠤᠤ ᠶᠡᠬᠡ ᠢᠯᠠᠯᠲᠠ ᠵᠢ ᠲᠡᠮᠡᠴᠡᠨ ᠤᠯᠬᠤ᠎ᠳᠤ ᠨᠡᠡᠭ ᠥᠨᠳᠥᠷ ᠬᠢᠷᠢ ᠬᠡᠮᠵᠢᠶ᠎ᠡ᠎ᠲᠠᠢ ᠵᠣᠬᠢᠴᠠᠩᠭᠤᠶ ᠬᠥᠭᠵᠢᠯᠲᠡ ᠵᠢ ᠯᠠᠪᠲᠠᠢ ᠪᠡᠶᠡᠯᠡᠭᠦᠯᠵᠦ ᠴᠢᠳᠠᠨ᠎ᠠ᠃
      ᠬᠥᠲᠥᠯᠥᠭᠴᠢ᠄
      ᠪᠣᠬᠢᠷᠲᠤᠯ ᠦᠭᠡᠢ ᠬᠥᠭᠵᠢᠯᠲᠡ ᠵᠢ ᠬᠡᠷᠬᠢᠨ ᠣᠢ᠌ᠯᠠᠭ᠋ᠠᠪᠠᠯ ᠵᠣᠬᠢᠬᠣ ᠪᠤᠢ?
      ᠸᠠᠩ ᠵᠢᠨ ᠪᠦᠦ᠄
      ᠠᠮᠢ ᠠᠬᠤᠶ ᠵᠢᠨ ᠣᠷᠴᠢᠨ ᠲᠣᠭᠣᠷᠢᠨ ᠪᠣᠯ ᠬᠥᠮᠦᠨ ᠲᠥᠷᠥᠯᠬᠢᠲᠡᠨ᠎ᠤ ᠣᠷᠣᠰᠢᠨ ᠲᠣᠭᠲᠠᠨᠢᠬᠤ ᠬᠠᠮᠤᠭ᠎ᠤᠨ ᠦᠨᠳᠦᠰᠦᠨ ᠨᠥᠬᠥᠴᠡᠯ ᠮᠦᠨ᠂ ᠬᠥᠮᠦᠨ ᠲᠥᠷᠥᠯᠬᠢᠲᠡᠨ᠎ᠤ ᠨᠡᠶ᠋ᠢᠭᠡᠮ᠎ᠤᠨ ᠥᠨᠢᠳᠡ ᠵᠢᠨ ᠦᠷᠭᠦᠯᠵᠢᠯᠡᠬᠦ ᠬᠥᠭᠵᠢᠯᠲᠡ ᠵᠢᠨ ᠬᠠᠮᠤᠭ᠎ᠤᠨ ᠴᠢᠬᠤᠯᠠ ᠰᠠᠭᠤᠷᠢ ᠮᠦᠨ᠃ ᠥᠭᠡᠷᠡᠴᠢᠯᠡᠯᠲᠡ ᠨᠡᠭᠡᠭᠡᠯᠳᠡ ᠬᠢᠭᠰᠡᠨ᠎ᠠᠴᠠ ᠨᠠᠰᠢ᠂ ᠮᠠᠨ᠎ᠤ ᠣᠷᠣᠨ ᠠᠮᠢ ᠠᠬᠤᠶ ᠵᠢᠨ ᠬᠠᠮᠠᠭ᠋ᠠᠯᠠᠯᠲᠠ ᠪᠣᠯᠣᠨ ᠪᠦᠳᠣᠭᠡᠨ ᠪᠠᠶ᠋ᠢᠭᠤᠯᠤᠯᠲᠠ ᠵᠢᠨ ᠣᠷᠣᠭᠤᠯᠤᠯᠲᠠ᠎ᠪᠠᠨ ᠠᠯᠬᠤᠮ ᠠᠯᠬᠤᠮ ᠵᠶ᠋ᠠᠷ ᠨᠡᠮᠡᠭᠳᠡᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠠᠮᠢ ᠠᠬᠤᠶ ᠵᠢᠨ ᠴᠢᠬᠤᠯᠠ ᠠᠮᠤᠷ ᠲᠦᠪᠰᠢᠨ᠎ᠤ ᠬᠠᠯᠬᠠᠪᠴᠢ ᠵᠢ ᠬᠦᠴᠦᠯᠡᠨ ᠪᠠᠶ᠋ᠢᠭᠤᠯᠵᠤ᠂ ᠠᠮᠢ ᠠᠬᠤᠶ ᠵᠢᠨ ᠣᠷᠴᠢᠨ ᠲᠣᠭᠣᠷᠢᠨ ᠲᠠᠰᠤᠷᠠᠯᠳᠡ ᠦᠭᠡᠢ ᠰᠠᠶ᠋ᠢᠵᠢᠷᠠᠵᠤ᠂ ᠦᠵᠡᠰᠭᠦᠯᠡᠨᠭᠲᠦ ᠰᠠᠶ᠋ᠢᠬᠠᠨ ᠥᠪᠥᠷ ᠮᠣᠩᠭᠣᠯ᠎ᠤᠨ ᠪᠦᠳᠦᠬᠡᠨ ᠪᠠᠶ᠋ᠢᠭᠤᠯᠤᠯᠲᠠ ᠢᠯᠡᠳᠲᠡ ᠠᠮᠵᠢᠯᠲᠠ ᠣᠯᠪᠠ᠂ ᠭᠡᠪᠡᠴᠦ ᠠᠮᠢ ᠠᠬᠤᠶ ᠵᠢᠨ ᠣᠷᠴᠢᠨ ᠲᠣᠭᠣᠷᠢᠨ ᠪᠠᠰᠠ ᠨᠡᠯᠢᠶᠡᠳ ᠬᠡᠪᠡᠷᠡᠭ ᠪᠠᠶ᠋ᠢᠭᠰᠠᠭ᠋ᠠᠷ᠂ ᠠᠵᠤ ᠠᠬᠤᠶ ᠵᠢᠨ ᠪᠣᠬᠢᠷᠳᠤᠯ ᠦᠭᠡᠢ ᠬᠡᠯᠪᠡᠷᠢ ᠵᠢᠨ ᠬᠤᠪᠢᠷᠠᠯᠲᠠ ᠵᠢ ᠲᠦᠯᠬᠢᠨ ᠠᠬᠢᠭᠤᠯᠵᠤ᠂ ᠬᠥᠭᠵᠢᠭᠦᠯᠬᠦ ᠪᠠ ᠬᠠᠮᠠᠭ᠋ᠠᠯᠠᠬᠤ ᠬᠣᠣᠰ ᠢᠯᠡᠯᠲᠡ ᠵᠢ ᠪᠡᠶᠡᠯᠡᠭᠦᠯᠬᠦ ᠡᠭᠦᠷᠭᠡ ᠬᠠᠲᠠᠭᠤᠵᠢᠯᠲᠠᠶ ᠮᠥᠷᠲᠡᠭᠡᠨ ᠨᠦᠰᠡᠷ ᠬᠦᠨᠳᠦ ᠪᠠᠶ᠋ᠢᠵᠤ᠂ ᠠᠵᠤ ᠠᠬᠤᠶ ᠵᠢᠨ ᠬᠥᠭᠵᠢᠯᠲᠡ ᠪᠣᠯᠣᠨ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠭᠣᠷᠣᠨᠳᠣᠬᠢ ᠵᠥᠷᠢᠴᠡᠯ ᠮᠥᠨ ᠲᠤᠪᠤᠢ᠍ᠢ᠍ᠮ᠎ᠠ ᠪᠠᠢ᠌ᠭᠰᠠᠭ᠋ᠠᠷ᠃ ᠪᠣᠬᠢᠷᠲᠤᠯ ᠦᠭᠡᠢ ᠬᠥᠭᠵᠢᠯᠲᠡ ᠵᠢ ᠪᠠᠷᠢᠮᠲᠠᠯᠠᠬᠤ᠎ᠳᠤ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠲᠣᠭᠣᠷᠢᠨ᠎ᠢ ᠬᠠᠮᠠᠭ᠋ᠠᠯᠠᠬᠤ ᠤᠯᠤᠰ᠎ᠤᠨ ᠦᠨᠳᠦᠰᠦᠨ ᠪᠤᠳᠤᠯᠭ᠎ᠠ ᠵᠢ ᠡᠷᠬᠡᠪᠰᠢ ᠪᠠᠷᠢᠮᠲᠠᠯᠠᠵᠤ᠂ ᠦᠷᠭᠦᠯᠵᠢᠯᠡᠬᠦ ᠬᠥᠭᠵᠢᠯᠲᠡ ᠵᠢ ᠪᠠᠷᠢᠮᠲᠠᠯᠠᠨ᠂ ᠠᠮᠢ ᠠᠬᠤᠶ ᠵᠢᠨ ᠪᠣᠯᠪᠠᠰᠤᠨ᠎ᠤ ᠣᠨᠣᠯᠵᠢᠬᠤᠨ᠎ᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠦᠬᠦ ᠶᠠᠪᠤᠴᠠ ᠪᠣᠯᠤᠨ ᠡᠯ᠎ᠡ ᠬᠦᠷᠢᠶᠡᠨ᠎ᠳᠤ ᠲᠤᠤᠱᠯᠠᠭᠤᠯᠵᠤ᠂ ᠦᠢ᠍ᠯᠡᠳᠪᠦᠷᠢᠯᠡᠯ ᠬᠥᠭᠵᠢᠭᠰᠡᠨ᠂ ᠠᠮᠢᠳᠤᠷᠠᠯ ᠪᠠᠶᠠᠨ ᠴᠢᠨᠡᠭᠡᠯᠢᠭ᠂ ᠠᠮᠢ ᠠᠬᠤᠶ ᠰᠠᠢ᠍ᠢ᠍ᠨ ᠰᠠᠶ᠋ᠢᠬᠠᠨ ᠪᠣᠯᠪᠠᠰᠤᠨ ᠬᠥᠭᠵᠢᠯᠲᠡ ᠵᠢᠨ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠪᠣᠬᠢᠷᠲᠤᠯ ᠦᠭᠡᠢ ᠠᠵᠤ ᠠᠬᠤᠶ ᠵᠢ ᠬᠥᠭᠵᠢᠭᠦᠯᠦᠨ᠂ ᠪᠣᠬᠢᠷᠳᠤᠯ ᠦᠭᠡᠢ ᠬᠡᠯᠪᠡᠷᠢ ᠵᠢᠨ ᠬᠤᠪᠢᠷᠠᠯᠲᠠ ᠵᠢ ᠲᠦᠯᠬᠢᠨ ᠠᠬᠢᠭᠤᠯᠵᠤ᠂ ᠡᠬᠢ ᠪᠠᠶᠠᠯᠢᠭ᠎ᠢ ᠠᠷᠪᠢᠯᠠᠬᠤ ᠬᠡᠯᠪᠡᠷᠢ᠂ ᠣᠷᠴᠢᠨ ᠲᠣᠭᠣᠷᠢᠨ᠎ᠤ ᠨᠥᠬᠥᠷᠰᠡᠭ ᠬᠡᠯᠪᠡᠷᠢ ᠵᠢᠨ ᠨᠡᠶ᠋ᠢᠭᠡᠮ᠎ᠢ ᠪᠥᠲᠦᠭᠡᠨ ᠪᠠᠢ᠌ᠭᠤᠯᠵᠤ᠂ ᠬᠥᠮᠦᠨ ᠪᠣᠯᠤᠨ ᠪᠠᠶ᠋ᠢᠭ᠋ᠠᠯᠢ ᠡᠶ᠎ᠡ ᠵᠣᠬᠢᠴᠠᠯ᠎ᠲᠠᠢ ᠬᠥᠭᠵᠢᠭᠰᠡᠨ ᠣᠳᠣᠬᠢᠴᠢᠯᠯᠠᠲᠠ ᠵᠢᠨ ᠪᠦᠲᠦᠭᠡᠨ ᠪᠠᠶ᠋ᠢᠭᠤᠯᠤᠯᠲᠠ ᠵᠢᠨ ᠰᠢᠨ᠎ᠡ ᠪᠠᠢ᠌ᠷᠢᠯᠠᠭᠤᠯᠤᠯᠲᠠ ᠵᠢ ᠪᠣᠢ ᠪᠣᠯᠭ᠋ᠠᠵᠤ᠂ ᠦᠵᠡᠰᠬᠦᠯᠡᠭᠳᠦ ᠰᠠᠶ᠋ᠢᠬᠠᠨ ᠥᠪᠥᠷ ᠮᠣᠩᠭᠣᠯ ᠵᠶ᠋ᠠᠨ ᠪᠥᠲᠦᠭᠡᠨ ᠪᠠᠢ᠌ᠭᠤᠯᠤᠨ᠎ᠠ᠃
      ᠬᠥᠲᠥᠯᠥᠭᠴᠢ᠄
     《13· 5》 ᠵᠢᠨ ᠬᠤᠭᠤᠴᠠᠭ᠋ᠠᠨ᠎ᠳᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠪᠡᠬᠢ ᠪᠠᠢ᠌ᠭᠤᠯᠬᠤ᠎ᠳᠤ ᠶᠠᠮᠠᠷ ᠶᠠᠮᠠᠷ ᠭᠣᠣᠯ ᠠᠷᠭ᠎ᠠ ᠬᠡᠮᠵᠢᠶ᠎ᠡ ᠠᠪᠬᠤ ᠪᠤᠢ?
      ᠸᠠᠩ ᠵᠢᠨ ᠪᠦᠦ᠄
     《ᠬᠥᠲᠥᠯᠪᠦᠷᠢ》᠎ᠳᠤ ᠳᠤᠷᠠᠳᠤᠭᠰᠠᠨ᠎ᠨᠢ᠂ ᠪᠣᠬᠢᠷᠲᠤᠯ ᠦᠭᠡᠢ ᠬᠥᠭᠵᠢᠯᠲᠡ ᠵᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠪᠡᠬᠢ ᠪᠠᠢ᠌ᠭᠤᠯᠤᠨ᠎ᠠ᠃ ᠨᠢᠭᠡ᠎ᠳᠤ᠂   ᠪᠡᠶᠡᠴᠢ ᠴᠣᠭᠴᠠ ᠵᠢᠨ ᠴᠢᠳᠠᠮᠵᠢ ᠵᠢᠨ ᠣᠷᠣᠨ᠎ᠢ ᠲᠦᠷᠭᠡᠪᠴᠢᠯᠡᠨ ᠪᠠᠢ᠌ᠭᠤᠯᠤᠨ᠎ᠠ᠃ ᠤᠯᠤᠰ᠎ᠤᠨ ᠭᠠᠵᠠᠷ ᠰᠢᠷᠣᠢ ᠵᠢᠨ ᠣᠷᠣᠨ ᠵᠠᠶ ᠵᠢ ᠨᠡᠭᠡᠭᠡᠨ ᠠᠰᠢᠭᠯᠠᠬᠤ ᠪᠠᠶ᠋ᠢᠷᠢᠰᠢᠯ᠎ᠢ ᠰᠢᠯᠢᠳᠡᠭᠵᠢᠭᠦᠯᠵᠦ᠂ ᠤᠯᠤᠰ᠎ᠤᠨ ᠭᠠᠵᠠᠷ ᠰᠢᠷᠣᠢ ᠵᠢᠨ ᠣᠷᠣᠨ ᠵᠠᠶ ᠵᠢ ᠨᠡᠭᠡᠭᠡᠨ ᠠᠰᠢᠭᠯᠠᠬᠤ ᠬᠠᠮᠠᠭ᠋ᠠᠯᠠᠯᠲᠠ ᠵᠢᠨ ᠲᠦᠷᠢᠮ᠎ᠢ ᠪᠠᠶ᠋ᠢᠭᠤᠯᠤᠨ᠂ ᠲᠥᠷᠥᠯ ᠬᠤᠪᠢᠶᠠᠨ ᠲᠣᠬᠢᠷᠠᠭᠤᠯᠤᠨ ᠡᠵᠡᠮᠳᠡᠬᠦ ᠲᠦᠷᠦ ᠵᠢᠨ ᠪᠤᠳᠤᠯᠭ᠎ᠠ ᠵᠢ ᠬᠡᠷᠡᠭᠵᠢᠭᠦᠯᠵᠦ᠂ ᠡᠯ᠎ᠡ ᠲᠦᠷᠦᠯ᠎ᠤᠨ ᠪᠡᠶᠡᠴᠢ ᠴᠣᠭᠴᠠ ᠵᠢᠨ ᠴᠢᠳᠠᠮᠵᠢ ᠵᠢᠨ ᠣᠷᠣᠨ᠎ᠤ ᠬᠥᠭᠵᠢᠯᠲᠡ ᠵᠢ ᠨᠢᠭᠡᠳᠦᠯᠲᠡᠶ ᠲᠥᠯᠥᠪᠵᠢᠭᠦᠯᠵᠦ᠂ ᠡᠯ᠎ᠡ ᠭᠠᠵᠠᠷ ᠣᠷᠣᠨ᠎ᠤ ᠪᠡᠶᠡᠴᠢ ᠴᠣᠭᠴᠠ ᠵᠢᠨ ᠴᠢᠳᠠᠮᠵᠢ ᠵᠢᠨ ᠣᠷᠣᠨ᠎ᠨᠤᠭᠤᠳ ᠣᠷᠣᠨ ᠲᠣᠭᠲᠠᠭ᠋ᠠᠯᠲᠠ᠎ᠪᠠᠨ ᠦᠨᠳᠦᠰᠦᠯᠡᠨ ᠬᠥᠭᠵᠢᠭᠦᠯᠬᠦ ᠵᠢ ᠲᠦᠯᠬᠢᠨ ᠠᠬᠢᠭᠤᠯᠤᠨ᠎ᠠ᠃ ᠬᠣᠶᠠᠷ᠎ᠲᠤ᠂ ᠠᠮᠢ ᠠᠬᠤᠶ ᠵᠢᠨ ᠬᠠᠮᠠᠭ᠋ᠠᠯᠠᠯᠲᠠ ᠪᠠ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠤᠢ ᠰᠢᠭᠤᠶ᠂ ᠨᠤᠲᠤᠭ ᠪᠡᠯᠴᠢᠭᠡᠷ ᠡᠯᠡᠰᠦᠷᠬᠡᠭ ᠭᠠᠵᠠᠷ ᠪᠠ ᠬᠥᠷᠥᠰᠥ ᠰᠢᠷᠣᠶ ᠵᠢᠨ ᠢᠳᠡᠭᠳᠡᠯ ᠪᠠ ᠴᠢᠭᠢᠭᠯᠢᠭ ᠭᠠᠵᠠᠷ ᠵᠡᠷᠭᠡ ᠭᠣᠣᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠢ ᠭᠦᠨᠵᠡᠭᠡᠶ ᠬᠡᠷᠡᠭᠵᠢᠭᠦᠯᠦᠨ᠎ᠡ᠂ ᠠᠮᠢᠳᠤ ᠪᠣᠳᠠᠰ᠎ᠤᠨ ᠤᠯᠡᠠ ᠶᠠᠩᠵᠤᠲᠤ ᠴᠢᠨᠠᠷ᠎ᠢ ᠬᠠᠮᠠᠭ᠋ᠠᠯᠠᠵᠤ᠂ ᠠᠮᠢ ᠠᠬᠤᠶ ᠵᠢᠨ ᠲᠤᠰᠠᠯᠠᠵᠤ ᠱᠠᠩᠨᠠᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠨᠤᠲᠤᠭ ᠪᠡᠯᠴᠢᠭᠡᠷ᠂ ᠤᠢ ᠰᠢᠭᠤᠶ᠂ ᠨᠤᠭᠤ ᠭᠠᠵᠠᠷ᠂ ᠭᠣᠣᠯ ᠮᠥᠷᠡᠨ᠂ ᠨᠠᠭᠤᠷ ᠴᠥᠭᠥᠷᠥᠮ᠂ ᠡᠯᠡᠰᠦ ᠮᠠᠩᠬ᠎ᠠ ᠵᠡᠷᠭᠡ ᠪᠠᠶ᠋ᠢᠭ᠋ᠠᠯᠢ ᠵᠢᠨ ᠠᠮᠢ ᠠᠬᠤᠶ ᠵᠢᠨ ᠰᠢᠰᠲ᠋ᠧᠮ᠎ᠤᠨ ᠲᠣᠭᠲᠠᠪᠤᠷᠢᠲᠤ ᠴᠢᠨᠠᠷ ᠪᠠ ᠠᠮᠢ ᠠᠬᠤᠶ᠎ᠳᠤ ᠦᠢ᠍ᠯᠡᠴᠢᠯᠡᠬᠦ ᠴᠢᠳᠠᠮᠵᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ ᠭᠤᠷᠪᠠ᠎ᠳᠤ᠂ ᠣᠷᠴᠢᠯ ᠠᠵᠤ ᠠᠬᠤᠶ ᠵᠢᠨ ᠬᠥᠭᠵᠢᠯᠲᠡ ᠵᠢ ᠲᠦᠷᠭᠡᠳᠬᠡᠨ᠎ᠡ᠃ ᠣᠷᠴᠢᠯ ᠬᠡᠯᠪᠡᠷᠢ ᠵᠢᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠪᠴᠢᠯᠡᠨ ᠪᠠᠶ᠋ᠢᠭᠤᠯᠵᠤ᠂ ᠡᠬᠢ ᠪᠠᠶᠠᠯᠢᠭ᠎ᠢ ᠣᠷᠴᠢᠯᠳᠤᠭᠤᠯᠤᠨ ᠳᠠᠬᠢᠨᠲᠠ ᠠᠰᠢᠭᠯᠠᠬᠤ ᠬᠣᠷᠢᠶᠠᠨ ᠠᠪᠬᠤ ᠰᠢᠰᠲ᠋ᠧᠮ᠎ᠢ ᠲᠡᠭᠦᠯᠳᠡᠷᠵᠢᠭᠦᠯᠵᠦ᠂ ᠪᠣᠬᠢᠷᠲᠤᠯ ᠦᠭᠡᠢ ᠬᠡᠷᠡᠭᠯᠡᠭᠡᠨ᠎ᠤ ᠵᠠᠭᠪᠤᠷ᠎ᠢ ᠰᠠᠨᠠᠭ᠋ᠠᠴᠢᠯᠠᠵᠤ᠂ ᠠᠵᠤ ᠦᠢ᠍ᠯᠡᠳᠪᠦᠷᠢ᠂ ᠲᠠᠷᠢᠶᠠᠯᠠᠩ ᠮᠠᠯ ᠠᠵᠤ ᠠᠬᠤᠶ᠂ ᠦᠢ᠍ᠯᠡᠴᠢᠯᠡᠭᠡᠨ᠎ᠤ ᠠᠵᠤ ᠦᠢ᠍ᠯᠡᠰ᠎ᠤᠳ᠂ ᠬᠤᠳᠠ᠂ ᠬᠦᠷᠢᠶᠡᠯᠡᠩ ᠲᠣᠭᠣᠷᠢᠭ᠂ ᠠᠵᠤ ᠠᠬᠤᠶ᠋ᠢᠯᠠᠯ᠎ᠤᠨ ᠡᠯ᠎ᠡ ᠳᠡᠰ ᠳᠠᠪᠬᠤᠷᠭ᠎ᠠ᠂ ᠦᠢ᠍ᠯᠡᠳᠪᠦᠷᠢᠯᠡᠯ᠂ ᠭᠦᠢ᠍ᠯᠭᠡᠭᠡ᠂ ᠬᠡᠷᠡᠭᠯᠡᠭᠡ ᠵᠢᠨ ᠡᠯ᠎ᠡ ᠵᠠᠩᠭᠢᠯᠠᠭ᠎ᠠ ᠵᠢ ᠬᠠᠮᠤᠷᠤᠭᠰᠠᠨ ᠨᠡᠶ᠋ᠢᠭᠡᠮ ᠳᠠᠶᠠᠭ᠋ᠠᠷ᠎ᠤᠨ ᠣᠷᠴᠢᠯ ᠬᠥᠭᠵᠢᠯᠲᠡ ᠵᠢ ᠲᠦᠯᠬᠢᠨ ᠠᠬᠢᠭᠤᠯᠤᠨ᠎ᠠ᠃ ᠲᠦᠷᠪᠡ᠎ᠳᠤ᠂ ᠡᠬᠢ ᠪᠠᠶᠠᠯᠢᠭ᠎ᠢ ᠪᠦᠬᠦ ᠲᠠᠯ᠎ᠠ᠎ᠪᠠᠷ   ᠠᠷᠪᠢᠯᠠᠬᠤ ᠪᠠ ᠥᠨᠳᠥᠷ ᠪᠦᠲᠦᠮᠵᠢᠲᠡᠶ᠎ᠪᠠᠷ ᠠᠰᠢᠭᠯᠠᠨ᠎ᠠ᠃ ᠡᠨᠧᠷᠭᠢ ᠵᠢᠨ ᠬᠡᠷᠡᠭᠯᠡᠭᠡᠨ᠂ ᠤᠰᠤᠨ᠎ᠤ ᠡᠬᠢ ᠪᠠᠶᠠᠯᠢᠭ᠎ᠤᠨ ᠬᠣᠷᠣᠭᠳᠠᠯ᠂ ᠭᠠᠵᠠᠷ ᠰᠢᠷᠣᠶ ᠵᠢᠨ ᠠᠰᠢᠭᠯᠠᠯᠲᠠ ᠪᠥᠳᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠬᠣᠶᠠᠭᠤᠯᠠ ᠵᠢ ᠡᠵᠡᠮᠳᠡᠬᠦ ᠠᠵᠢᠯᠯᠠᠭ᠎ᠠ ᠵᠢ ᠬᠡᠷᠡᠭᠵᠢᠭᠦᠯᠵᠦ᠂ ᠠᠷᠪᠢᠲᠠᠶ ᠡᠷᠴᠢᠮᠯᠢᠭ ᠤᠷᠴᠢᠯᠵᠢᠭᠤᠯᠤᠨ ᠠᠰᠢᠭᠯᠠᠵᠤ ᠪᠣᠯᠬᠤ ᠡᠬᠢ ᠪᠠᠶᠠᠯᠢᠭ᠎ᠤᠨ ᠲᠤᠬᠠᠶ ᠦᠵᠡᠯᠲᠡ ᠵᠢ ᠪᠤᠢ ᠪᠣᠯᠭ᠋ᠠᠵᠤ᠂ ᠠᠷᠪᠢᠯᠠᠬᠤ ᠵᠢ ᠲᠡᠷᠢᠭᠦᠨ᠎ᠳᠤ ᠲᠠᠯᠪᠢᠬᠤ ᠪᠠᠶ᠋ᠢᠯᠳᠤᠬᠤ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠠᠷᠪᠢᠯᠠᠨ ᠭᠠᠮᠨᠠᠬᠤ ᠨᠡᠶ᠋ᠢᠭᠡᠮ᠎ᠤᠨ ᠬᠡᠪ ᠰᠤᠷᠲᠠᠯ᠎ᠢ ᠪᠤᠢ ᠪᠣᠯᠭ᠋ᠠᠬᠤ ᠵᠢ ᠲᠦᠯᠬᠢᠨ ᠠᠬᠢᠭᠤᠯᠤᠨ᠎ᠠ᠃ ᠲᠠᠪᠤ᠎ᠳᠤ᠂ ᠣᠷᠴᠢᠨ   ᠲᠣᠭᠣᠷᠢᠨ᠎ᠢ ᠵᠠᠰᠠᠬᠤ ᠡᠷᠴᠢᠮ᠎ᠢ ᠴᠢᠩᠭ᠋ᠠᠷᠠᠭᠤᠯᠤᠨ᠎ᠠ᠃ ᠪᠣᠬᠢᠷᠲᠤᠯ ᠪᠣᠳᠠᠰ᠎ᠢ ᠡᠬᠢ ᠡᠭᠦᠰᠦᠯ᠎ᠠᠴᠠ᠎ᠨᠢ ᠴᠢᠩᠭ᠎ᠠ ᠬᠢᠵᠠᠭ᠋ᠠᠷᠯᠠᠵᠤ᠂ ᠪᠣᠬᠢᠷᠲᠤᠯᠳᠤ ᠪᠣᠳᠠᠰ᠎ᠤᠳ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠵᠢ ᠲᠦᠯᠬᠢᠨ ᠠᠬᠢᠭᠤᠯᠵᠤ᠂ ᠠᠭᠤᠷᠬᠠᠶ ᠵᠢᠨ ᠣᠷᠴᠢᠨ ᠲᠣᠭᠣᠷᠢᠨ᠎ᠢ ᠵᠠᠰᠠᠵᠤ ᠰᠡᠷᠭᠦᠭᠡᠬᠦ ᠵᠢ ᠴᠢᠩᠭ᠋ᠠᠳᠬᠠᠵᠤ᠂ ᠣᠷᠴᠢᠨ ᠲᠣᠭᠣᠷᠢᠨ᠎ᠢ ᠵᠠᠰᠠᠬᠤ ᠲᠦᠷᠢᠮ᠎ᠢ ᠥᠭᠡᠷᠡᠴᠢᠯᠡᠨ ᠲᠡᠭᠦᠯᠳᠡᠷᠵᠢᠭᠦᠯᠵᠦ᠂ ᠡᠬᠢ ᠡᠭᠦᠰᠦᠯ᠎ᠠᠴᠠ᠎ᠨᠢ ᠴᠢᠩᠭ᠎ᠠ ᠰᠡᠷᠭᠡᠶ᠋ᠢᠯᠡᠬᠦ᠂ ᠶᠠᠪᠤᠴᠠ ᠵᠢ ᠴᠢᠩᠭ᠎ᠠ ᠬᠢᠵᠠᠭ᠋ᠠᠷᠯᠠᠬᠤ᠂ ᠬᠣᠬᠢᠷᠠᠯ᠎ᠤᠨ ᠲᠥᠯᠥᠪᠦᠷᠢ ᠥᠭᠬᠦ᠂ ᠬᠠᠷᠢᠭᠤᠴᠠᠯᠭ᠎ᠠ ᠨᠡᠬᠡᠮᠵᠢᠯᠡᠬᠦ᠂ ᠨᠡᠶ᠋ᠢᠭᠡᠮ ᠵᠶ᠋ᠡᠷ ᠵᠶ᠋ᠡᠨ ᠬᠠᠮᠲᠤ᠎ᠪᠠᠷ ᠵᠠᠰᠠᠬᠤ ᠵᠡᠷᠭᠡ ᠣᠷᠴᠢᠨ ᠲᠣᠭᠣᠷᠢᠨ᠎ᠢ ᠵᠠᠰᠠᠬᠤ ᠰᠢᠰᠲ᠋ᠧᠮᠵᠢ ᠵᠢ ᠪᠠᠢ᠌ᠭᠤᠯᠵᠤ᠂ ᠠᠭ᠋ᠠᠷ ᠮᠠᠨᠳᠠᠯ᠂ ᠤᠰᠤ᠂ ᠬᠥᠷᠥᠰᠥ ᠰᠢᠷᠣᠶ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠭᠤᠷᠪᠠᠨ ᠶᠡᠬᠡ ᠳᠠᠶ᠋ᠢᠯᠠᠯᠳᠤᠭ᠋ᠠᠨ᠎ᠢ ᠰᠠᠢ᠌ᠲᠤᠷ ᠬᠢᠵᠦ᠂ ᠡᠬᠢ ᠪᠠᠶᠠᠯᠢᠭ ᠠᠷᠪᠢᠯᠠᠬᠤ᠂ ᠣᠷᠴᠢᠨ ᠲᠤᠭᠤᠷᠢᠨ᠎ᠤ ᠨᠥᠬᠥᠷᠰᠡᠭ ᠬᠡᠯᠪᠡᠷᠢ ᠵᠢᠨ ᠨᠡᠶ᠋ᠢᠭᠡᠮ᠎ᠢ ᠲᠦᠷᠭᠡᠪᠴᠢᠯᠡᠨ ᠪᠠᠶ᠋ᠢᠭᠤᠯᠤᠨ᠎ᠠ᠃
      ᠪᠣᠬᠢᠷᠲᠤᠯ ᠦᠭᠡᠢ ᠪᠠᠢ᠌ᠬᠤ ᠪᠣᠯ ᠦᠷᠭᠦᠯᠵᠢᠯᠡᠨ ᠬᠥᠭᠵᠢᠬᠦ᠎ᠳᠠᠬᠢ ᠥᠨᠢ ᠡᠭᠦᠷᠢᠳᠡ ᠵᠢᠨ ᠴᠢᠬᠤᠯᠠ ᠨᠥᠬᠥᠴᠡᠯ ᠪᠠ ᠠᠷᠠᠳ ᠲᠦᠮᠡᠨ᠎ᠤ ᠰᠠᠢ᠍ᠢ᠍ᠨ ᠰᠠᠶ᠋ᠢᠬᠠᠨ ᠠᠮᠢᠳᠤᠷᠠᠯ᠎ᠢ ᠬᠥᠭᠡᠭᠡᠴᠡᠯᠳᠦᠬᠦ ᠴᠢᠬᠤᠯᠠ ᠢᠯᠡᠷᠡᠯ ᠮᠥᠨ᠃ ᠪᠣᠬᠢᠷᠲᠤᠯ ᠦᠭᠡᠢ᠎ᠪᠠᠷ ᠬᠥᠭᠵᠢᠭᠦᠯᠬᠦ ᠣᠨᠣᠯᠵᠢᠬᠤᠨ᠎ᠨᠢ ᠬᠥᠮᠦᠨ ᠪᠠ ᠪᠠᠶ᠋ᠢᠭ᠋ᠠᠯᠢ ᠵᠢᠨ ᠡᠶ᠎ᠡ ᠵᠣᠬᠢᠴᠠᠯ ᠵᠶ᠋ᠡᠷ ᠥᠷᠲᠡᠭ᠎ᠤᠨ ᠬᠠᠨᠳᠤᠰᠢ ᠪᠣᠯᠭ᠋ᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠯ ᠵᠶ᠋ᠡᠷ ᠭᠣᠣᠯ ᠵᠠᠷᠴᠢᠮ ᠪᠣᠯᠭ᠋ᠠᠵᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠎ᠪᠠᠷ ᠦᠨᠳᠦᠰᠦᠨ ᠭᠠᠷᠲᠠᠴᠠ ᠪᠣᠯᠭ᠋ᠠᠵᠤ᠂ 《ᠬᠥᠲᠥᠯᠪᠦᠷᠢ》 ᠵᠢᠨ ᠪᠦᠬᠦ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠱᠠᠳᠥ ᠦᠶ᠎ᠡ ᠵᠢᠨ ᠴᠢᠨᠠᠷᠲᠠᠶ ᠰᠢᠨᠵᠢ ᠲᠡᠮᠳᠡᠭ᠎ᠢ ᠰᠢᠨᠵᠢᠯᠡᠬᠦ ᠤᠬᠠᠭ᠋ᠠᠨᠴᠢ᠎ᠪᠠᠷ ᠡᠵᠡᠮᠳᠡᠬᠦ ᠵᠢ ᠢᠯᠡᠷᠡᠭᠦᠯᠪᠡ᠃ ᠪᠣᠬᠢᠷᠲᠤᠯ ᠦᠭᠡᠢ ᠬᠥᠭᠵᠢᠯᠲᠡ ᠵᠢᠨ ᠵᠠᠮ ᠵᠶ᠋ᠡᠷ ᠶᠠᠪᠤᠬᠤ ᠪᠣᠯ ᠡᠬᠢ ᠪᠠᠶᠠᠯᠢᠭ᠎ᠤᠨ ᠣᠷᠴᠢᠨ ᠲᠣᠭᠣᠷᠢᠨ᠎ᠤ ᠪᠣᠭᠣᠮᠢ ᠵᠢᠨ ᠬᠢᠵᠠᠭ᠋ᠠᠷᠯᠠᠯ᠎ᠢ ᠠᠷᠢᠯᠭ᠋ᠠᠬᠤ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠠᠵᠤ ᠠᠬᠤᠶ ᠵᠢᠨ ᠪᠦᠲᠦᠴᠡ ᠵᠢ ᠲᠣᠬᠢᠷᠠᠭᠤᠯᠬᠤ᠂ ᠬᠥᠭᠵᠢᠯᠲᠡ ᠵᠢᠨ ᠠᠷᠭ᠎ᠠ ᠬᠡᠯᠪᠡᠷᠢ᠎ᠪᠠᠨ ᠬᠤᠪᠢᠷᠠᠭᠤᠯᠤᠨ᠂ ᠦᠷᠭᠦᠯᠵᠢᠯᠡᠬᠦ ᠬᠥᠭᠵᠢᠯᠲᠡ ᠵᠢ ᠪᠡᠶᠡᠯᠡᠭᠦᠯᠬᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠪᠡᠬᠢᠵᠢᠭᠦᠯᠬᠦ ᠵᠠᠶ᠋ᠢᠯᠠᠰᠢ ᠦᠭᠡᠢ ᠰᠣᠩᠭᠣᠯᠲᠠ ᠮᠥᠨ᠃ ᠪᠣᠬᠢᠷᠲᠤᠯ ᠦᠭᠡᠢ᠎ᠪᠠᠷ ᠬᠥᠭᠵᠢᠭᠦᠯᠬᠦ ᠣᠨᠣᠯᠵᠢᠬᠤᠨ᠎ᠢ ᠪᠠᠲᠤ ᠪᠡᠬᠢ ᠪᠣᠢ ᠪᠣᠯᠭ᠋ᠠᠵᠤ᠂ ᠠᠮᠢ ᠠᠬᠤᠶ ᠵᠢᠨ ᠪᠣᠯᠪᠠᠰᠤᠨ᠎ᠤ ᠤᠯᠠᠭ᠋ᠠᠨ ᠱᠤᠭᠤᠮ᠎ᠢ ᠬᠠᠮᠠᠭ᠋ᠠᠯᠠᠨ ᠰᠠᠬᠢᠵᠤ᠂ ᠡᠬᠢ ᠪᠠᠶᠠᠯᠢᠭ᠎ᠢ ᠠᠷᠪᠢᠯᠠᠬᠤ ᠬᠡᠯᠪᠡᠷᠢ᠂ ᠣᠷᠴᠢᠨ ᠲᠣᠭᠣᠷᠢᠨ᠎ᠤ ᠨᠥᠬᠥᠷᠰᠡᠭ ᠬᠡᠯᠪᠡᠷᠢ ᠵᠢᠨ ᠨᠡᠶ᠋ᠢᠭᠡᠮ᠎ᠢ ᠲᠦᠷᠭᠡᠪᠴᠢᠯᠡᠨ ᠪᠥᠳᠥᠭᠡᠨ ᠪᠠᠢ᠌ᠭᠤᠯᠵᠤ᠂ 《ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ》 ᠵᠢᠨ ᠬᠥᠭᠵᠢᠯᠲᠡ ᠵᠢᠨ ᠬᠠᠷᠠᠯᠲᠠ ᠵᠢ ᠪᠡᠶᠡᠯᠡᠭᠦᠯᠬᠦ ᠪᠣᠯ᠂ ᠣᠭᠲᠠᠷᠭᠤᠶ᠎ᠨᠢ ᠨᠡᠩ ᠴᠡᠯᠮᠡᠭ᠂ ᠤᠰᠤ᠎ᠨᠢ ᠨᠡᠩ ᠲᠤᠩᠭ᠋ᠠᠯᠠᠭ᠂ ᠠᠭᠤᠯᠠ᠎ᠨᠢ ᠨᠡᠩ ᠬᠥᠬᠡᠮᠳᠦᠭ ᠰᠠᠢ᠍ᠢ᠍ᠨ ᠰᠠᠶ᠋ᠢᠬᠠᠨ ᠨᠤᠲᠤᠭ ᠤᠰᠤ᠎ᠪᠠᠨ ᠦᠷ᠎ᠡ ᠬᠣᠶ᠋ᠢᠴᠢᠰ᠎ᠲᠠᠭᠠᠨ ᠦᠯᠡᠳᠡᠭᠡᠨ ᠥᠭᠴᠦ᠂ ᠥᠪᠡᠷᠲᠡᠭᠡᠨ ᠵᠠᠰᠠᠬᠤ ᠣᠷᠣᠨ᠎ᠤ ᠥᠨᠢᠳᠡ ᠵᠢᠨ ᠬᠥᠭᠵᠢᠯᠲᠡ ᠵᠢᠨ ᠭᠡᠭᠡᠨ ᠰᠠᠷᠠᠭᠤᠯ ᠢᠷᠡᠭᠡᠳᠦᠶ ᠵᠢ ᠪᠦᠲᠦᠭᠡᠬᠦ ᠵᠢᠨ ᠲᠥᠯᠥᠭᠡ ᠶᠤᠮ᠃
      ᠬᠥᠲᠥᠯᠥᠭᠴᠢ᠄
      ᠨᠡᠬᠡᠬᠡᠡ ᠬᠥᠭᠵᠢᠭᠦᠯᠬᠦ ᠵᠢ ᠬᠡᠷᠬᠢᠨ ᠣᠢ᠌ᠯᠠᠭ᠋ᠠᠪᠠᠯ ᠵᠣᠬᠢᠬᠤ ᠪᠤᠢ?
      ᠸᠠᠩ ᠵᠢᠨ ᠪᠦᠦ᠄
      ᠠᠵᠤ ᠠᠬᠤᠶ ᠵᠢᠨ ᠳᠡᠯᠡᠬᠡᠶ᠋ᠢᠴᠢᠯᠡᠯᠲᠡ ᠪᠠ ᠣᠷᠣᠨ ᠪᠦᠰᠡ ᠵᠢᠨ ᠨᠢᠭᠡ ᠴᠤᠭᠴᠠᠵᠢᠯᠳᠡ ᠵᠢᠨ ᠦᠳᠲᠡᠷ ᠲᠦᠷᠭᠡᠨ ᠬᠥᠭᠵᠢᠵᠦ ᠪᠦᠬᠦᠢ ᠥᠨᠥᠳᠦᠷ ᠲᠦᠭᠵᠢᠮᠡᠯ ᠪᠠᠶ᠋ᠢᠳᠠᠯ ᠳᠣᠲᠣᠷ᠎ᠠ ᠥᠪᠡᠷ᠎ᠢ᠎ᠪᠠᠨ ᠬᠥᠭᠵᠢᠭᠦᠯᠵᠦ ᠳᠡᠢ᠌ᠯᠬᠦ ᠬᠥᠮᠥᠨ ᠨᠢᠭᠡ ᠴᠦ᠍ ᠦᠭᠡᠶ᠂ ᠨᠡᠭᠡᠭᠡᠯᠳᠡ ᠬᠢᠬᠦ ᠪᠣᠯ ᠴᠡᠴᠡᠭᠯᠡᠨ ᠬᠥᠭᠵᠢᠬᠦ᠎ᠳᠤ ᠵᠠᠪᠠᠯ ᠶᠠᠪᠤᠬᠤ ᠵᠠᠮ ᠮᠥᠨ᠃ ᠮᠠᠨ᠎ᠤ ᠣᠷᠣᠨ 《ᠭᠤᠷᠪᠠᠨ ᠤᠮᠠᠷᠠᠲᠤ》᠎ᠳᠤ ᠪᠠᠭᠲᠠᠵᠤ᠂ ᠣᠷᠣᠰ᠂ ᠮᠣᠩᠭᠣᠯ ᠤᠯᠤᠰ ᠪᠣᠯ ᠮᠠᠨ᠎ᠤ ᠤᠯᠤᠰ᠎ᠤᠨ ᠤᠮᠠᠷᠠᠰᠢ ᠨᠡᠭᠡᠭᠡᠬᠦ ᠬᠣᠰᠢᠭᠤᠷᠠᠯ᠂ ᠬᠢᠯᠢ ᠳᠠᠭ᠋ᠠᠤ ᠣᠷᠣᠨ᠎ᠤ ᠨᠡᠭᠡᠭᠡᠯᠳᠡ ᠪᠦᠬᠦᠢ ᠥᠪᠡᠷᠮᠢᠴᠡ ᠳᠠᠪᠠᠭᠤᠯᠢᠭ ᠲᠠᠯ᠎ᠠ ᠪᠣᠯᠬᠤ ᠶᠤᠮ᠃ ᠥᠭᠡᠷᠡᠴᠢᠯᠡᠯᠲᠡ ᠨᠡᠭᠡᠭᠡᠯᠳᠡ ᠬᠢᠭᠰᠡᠨ 30 ᠭᠠᠷᠤᠶ ᠵᠢᠯ᠎ᠤᠨ ᠲᠤᠷᠰᠢ᠂ ᠮᠠᠨ᠎ᠤ ᠣᠷᠣᠨ ᠭᠠᠳᠠᠭᠰᠢ ᠨᠡᠭᠡᠭᠡᠬᠦ ᠬᠢᠷᠢ ᠬᠡᠮᠵᠢᠶ᠎ᠡ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠭᠡᠭᠡᠯᠲᠡ ᠬᠢᠵᠦ ᠬᠥᠭᠵᠢᠯᠲᠡ ᠵᠢ ᠠᠬᠢᠭᠤᠯᠬᠤ ᠦᠢ᠍ᠯᠡᠳᠦᠯ ᠡᠳᠦᠷ ᠢᠷᠡᠬᠦᠶ᠎ᠡ ᠳᠣᠪᠤᠢ᠌ᠮ᠎ᠠ ᠪᠠᠢ᠌ᠪᠠᠴᠦ᠂ ᠲᠠᠯᠠᠢ ᠳᠠᠭ᠋ᠠᠤ ᠬᠥᠭᠵᠢᠭᠰᠡᠨ ᠭᠠᠵᠠᠷ ᠣᠷᠣᠨ᠎ᠲᠠᠢ ᠠᠳᠠᠯᠢᠳᠬᠠᠪᠠᠯ᠂ ᠮᠠᠨ᠎ᠤ ᠣᠷᠣᠨ᠎ᠤ ᠪᠦᠷᠢᠯᠳᠦᠭᠦᠯᠦᠭᠰᠡᠨ ᠣᠷᠣᠨ ᠪᠠᠶ᠋ᠢᠷᠢ ᠵᠢᠨ ᠳᠠᠪᠠᠭᠤᠯᠢᠭ ᠲᠠᠯ᠎ᠠ᠎ᠲᠠᠢ ᠬᠠᠷᠢᠴᠠᠭᠤᠯᠪᠠᠯ᠂ ᠮᠠᠨ᠎ᠤ ᠣᠷᠣᠨ᠎ᠤ ᠨᠡᠭᠡᠭᠡᠯᠲᠡᠲᠦ ᠬᠡᠯᠪᠡᠷᠢ ᠵᠢᠨ ᠠᠵᠤ ᠠᠬᠤᠶ ᠵᠢᠨ ᠪᠣᠭᠣᠮᠢ ᠪᠠᠰᠠ ᠴᠥᠭᠡᠨ ᠪᠤᠰᠤ ᠣᠷᠣᠰᠢᠵᠤ ᠪᠠᠶ᠋ᠢᠨ᠎ᠠ᠂ ᠨᠡᠭᠡᠭᠡᠯᠲᠡ ᠬᠢᠬᠦ᠎ᠪᠠᠷ ᠳᠤᠲᠠᠮᠠᠭ ᠪᠣᠯ ᠮᠥᠨ ᠴᠦ᠍ ᠥᠪᠥᠷ ᠮᠣᠩᠭᠣᠯ᠎ᠤᠨ ᠬᠠᠮᠤᠭ᠎ᠤᠨ ᠶᠡᠬᠡ ᠪᠣᠳᠠᠲᠤ ᠪᠠᠶ᠋ᠢᠳᠠᠯ᠂ ᠠᠵᠤ ᠠᠬᠤᠶ ᠵᠢᠨ ᠬᠥᠭᠵᠢᠯ᠎ᠳᠠᠬᠢ ᠪᠠᠭᠤᠷᠠᠶ ᠲᠠᠯ᠎ᠠ ᠪᠣᠯᠤᠨ᠎ᠠ᠃ ᠤᠯᠤᠰ᠎ᠤᠨ 《ᠨᠢᠭᠡ ᠪᠦᠰᠡ ᠨᠢᠭᠡ ᠵᠠᠮ》᠎ᠤᠨ ᠪᠦᠳᠦᠭᠡᠨ ᠪᠠᠶ᠋ᠢᠭᠤᠯᠤᠯᠲᠠ ᠪᠣᠯᠤᠨ ᠬᠥᠷᠰᠢ ᠵᠡᠷᠭᠡᠯᠡᠳᠡᠭᠡ ᠵᠢᠨ ᠪᠠᠶ᠋ᠢᠯᠳᠤᠬᠤ ᠪᠣᠳᠣᠯᠭ᠎ᠠ ᠵᠢᠨ   ᠭᠦᠨᠵᠡᠭᠡᠢ᠌ᠷᠡᠬᠦ ᠵᠢ ᠳᠠᠭ᠋ᠠᠯᠳᠤᠨ᠂ ᠮᠠᠨ᠎ᠤ ᠣᠷᠣᠨ᠎ᠤ ᠤᠯᠤᠰ᠎ᠤᠨ ᠭᠠᠳᠠᠭᠰᠢ ᠨᠡᠭᠡᠭᠡᠬᠦ ᠪᠠᠶ᠋ᠢᠷᠢᠰᠢᠯ᠎ᠳᠠᠬᠢ ᠪᠠᠶ᠋ᠢᠷᠢ ᠰᠠᠭᠤᠷᠢ ᠤᠯᠠᠮ ᠴᠢᠬᠤᠯᠠ ᠪᠠᠢ᠌ᠵᠤ᠂ ᠦᠢ᠍ᠯᠡᠳᠦᠯ᠎ᠨᠢ ᠨᠡᠩ ᠲᠤᠪᠤᠢ᠍ᠢ᠍ᠮ᠎ᠠ ᠪᠤᠯᠵᠤ᠂ ᠭᠠᠳᠠᠭᠰᠢ ᠨᠡᠭᠡᠭᠡᠯᠲᠡ᠎ᠨᠢ ᠳᠡᠰ ᠳᠡᠪᠰᠢᠭᠦᠯᠦᠯᠲᠡ ᠵᠢᠨ ᠨᠢᠭᠡᠨ ᠱᠠᠲᠤ ᠦᠶ᠎ᠡ᠎ᠳᠤ ᠬᠦᠷᠴᠡᠢ᠂ ᠨᠡᠭᠡᠭᠡᠯᠲᠡ ᠬᠢᠬᠦ ᠤᠢ᠍ᠭᠡᠢ ᠪᠣᠯ ᠥᠭᠡᠳᠡᠯᠡᠬᠦ ᠵᠠᠮ ᠦᠭᠡᠢ ᠪᠣᠯᠤᠨ᠎ᠠ᠂ ᠨᠡᠭᠡᠭᠡᠯᠲᠡ ᠬᠢᠬᠦ ᠤᠢ᠍ᠭᠡᠢ ᠪᠣᠯ ᠣᠷᠣᠨ᠎ᠳᠠᠭᠠᠨ ᠡᠷᠭᠢᠴᠡᠭᠡᠳ ᠤᠷᠦᠭ᠍ᠰᠢ ᠶᠠᠪᠤᠬᠤ ᠦᠭᠡᠢ ᠪᠣᠯ ᠮᠥᠨ ᠥᠭᠡᠳᠡᠯᠡᠵᠦ ᠴᠢᠳᠠᠬᠤ ᠤᠢ᠍ᠭᠡᠢ ᠶᠤᠮ᠃ ᠭᠠᠭᠴᠠ ᠬᠦ᠌ ᠨᠡᠩ ᠰᠠᠨᠠᠭ᠋ᠠᠴᠢᠯᠠᠭ᠎ᠠ᠎ᠲᠠᠢ ᠨᠡᠭᠡᠭᠡᠯᠲᠡᠲᠦ ᠪᠠᠶ᠋ᠢᠯᠳᠤᠬᠤ ᠪᠤᠲᠤᠯᠭ᠎ᠠ ᠵᠢ ᠬᠡᠷᠡᠭᠵᠢᠭᠦᠯᠵᠦ᠂ ᠥᠪᠥᠷ ᠮᠣᠩᠭᠣᠯ᠎ᠤᠨ ᠲᠡᠯᠳᠡ ᠬᠦᠴᠦᠨ ᠪᠠ ᠳᠠᠪᠠᠭᠤᠯᠢᠭ ᠲᠠᠯ᠎ᠠ ᠵᠢ ᠭᠦᠢ᠍ᠴᠡᠳ ᠪᠠᠳᠠᠷᠠᠭᠤᠯᠪᠠᠯ ᠰᠠᠶᠢ ᠰᠢᠨ᠎ᠡ ᠨᠢᠭᠡ ᠡᠭᠡᠯᠵᠢ ᠵᠢᠨ ᠥᠷᠢᠰᠥᠯᠳᠦᠭᠡᠨ ᠳᠤᠮᠳᠠ ᠲᠦᠷᠦᠭᠦᠦ ᠲᠣᠬᠢᠶᠠᠯ᠎ᠢ ᠵᠠᠪᠳᠤᠨ ᠣᠯᠵᠤ᠂ ᠠᠵᠤ ᠠᠬᠤᠶ ᠵᠢᠨ ᠬᠥᠭᠵᠢᠯᠲᠡ᠎ᠳᠤ ᠡᠷᠴᠢᠮ᠎ᠲᠠᠢ ᠰᠢᠨ᠎ᠡ ᠬᠥᠳᠡᠯᠭᠡᠬᠦ ᠬᠦᠴᠦᠨ ᠪᠣᠯᠭ᠋ᠠᠵᠤ᠂ ᠰᠢᠨ᠎ᠡ ᠣᠷᠣᠨ ᠵᠠᠶ ᠵᠢ ᠥᠷᠭᠡᠳᠬᠡᠵᠦ᠂ ᠰᠢᠨ᠎ᠡ ᠬᠡᠪ ᠪᠠᠶ᠋ᠢᠳᠠᠯ ᠳᠣᠣᠷᠠᠬᠢ ᠰᠢᠨ᠎ᠡ ᠰᠢᠪᠲᠤᠯᠤᠯᠲᠠ   ᠭᠠᠷᠭ᠋ᠠᠵᠤ ᠴᠢᠳᠠᠨ᠎ᠠ᠃ ᠨᠡᠬᠡᠬᠡᠯᠲᠡ ᠬᠥᠭᠵᠢᠯᠲᠡ ᠵᠢ ᠪᠠᠷᠢᠮᠲᠠᠯᠠᠶ᠎ᠠ ᠭᠡᠪᠡᠯ ᠡᠷᠬᠡᠪᠰᠢ ᠮᠠᠨ᠎ᠤ ᠤᠯᠤᠰ᠎ᠤᠨ ᠠᠵᠤ ᠠᠬᠤᠶ ᠵᠢ ᠳᠡᠯᠡᠬᠡᠶ ᠵᠢᠨ ᠠᠵᠤ ᠠᠬᠤᠶ ᠵᠢᠨ ᠬᠠᠨᠳᠤᠰᠢ᠎ᠳᠤ ᠭᠦᠨᠵᠡᠭᠡᠶ ᠠᠭᠤᠰᠤᠯᠴᠠᠭᠤᠯᠵᠤ᠂ ᠤᠯᠤᠰ᠎ᠤᠨ 《ᠨᠢᠭᠡ ᠪᠦᠰᠡ ᠨᠢᠭᠡ ᠵᠠᠮ》᠎ᠤᠨ ᠪᠠᠶ᠋ᠢᠯᠳᠤᠬᠤ ᠪᠤᠳᠤᠯᠭ᠎ᠠ ᠵᠢ ᠭᠦᠨᠵᠡᠭᠡᠶ ᠲᠤᠤᠱᠯᠠᠭᠤᠯᠵᠤ᠂ ᠣᠷᠣᠰ᠂ ᠮᠣᠩᠭᠣᠯ ᠤᠯᠤᠰ᠎ᠤᠨ ᠬᠠᠮᠲᠤᠷᠠᠨ ᠠᠵᠢᠯᠯᠠᠬᠤ ᠵᠢ   ᠭᠠᠳᠠᠭᠰᠢ ᠨᠡᠭᠡᠭᠡᠬᠦ ᠵᠢᠨ ᠭᠣᠣᠯᠳᠠᠯᠭ᠎ᠠ ᠪᠣᠯᠭ᠋ᠠᠨ ᠥᠷᠭᠡᠳᠬᠡᠵᠦ᠂ ᠤᠯᠤᠰ᠎ᠤᠨ ᠳᠣᠲᠣᠭ᠋ᠠᠳᠤ ᠵᠢᠨ ᠣᠷᠣᠨ ᠪᠦᠰᠡ ᠵᠢᠨ ᠠᠵᠢᠯ ᠬᠤᠪᠢᠶᠠᠨ ᠬᠠᠮᠵᠢᠯᠴᠠᠬᠤ ᠵᠢ ᠭᠦᠨᠵᠡᠭᠡᠶ᠋ᠢᠷᠡᠭᠦᠯᠬᠦ᠎ᠪᠠᠷ ᠭᠣᠣᠯᠳᠠᠯᠭ᠎ᠠ ᠪᠣᠯᠭ᠋ᠠᠨ ᠳᠣᠲᠣᠭ᠋ᠠᠳᠤ ᠨᠡᠭᠡᠭᠡᠯᠲᠡ ᠵᠢ ᠥᠷᠭᠡᠳᠬᠡᠵᠦ᠂ ᠣᠷᠣᠭᠤᠯᠵᠤ ᠢᠷᠡᠬᠦ ᠪᠠ ᠭᠠᠳᠠᠭᠰᠢ ᠭᠠᠷᠬᠤ ᠵᠢ ᠵᠡᠷᠭᠡᠪᠡᠷ ᠴᠢᠬᠤᠯᠠᠴᠢᠯᠠᠬᠤ ᠵᠢ ᠪᠠᠷᠢᠮᠲᠠᠯᠠᠵᠤ᠂ ᠪᠡᠯᠡ ᠣᠷᠣᠭᠤᠯᠬᠤ ᠪᠠ ᠣᠶᠣᠨ ᠮᠡᠳᠡᠯᠭᠡ ᠣᠷᠣᠭᠤᠯᠵᠤ ᠠᠪᠴᠢᠷᠠᠬᠤ ᠵᠢ ᠵᠡᠷᠭᠡ᠎ᠪᠠᠷ ᠠᠳᠬᠤᠬᠤ᠂ ᠬᠣᠶᠠᠷ ᠵᠦᠢ᠍ᠯ᠎ᠤᠨ ᠡᠬᠢ ᠪᠠᠶᠠᠯᠢᠭ᠂ ᠬᠣᠶᠠᠷ ᠵᠠᠬ᠎ᠠ ᠳᠡᠯᠭᠡᠭᠦᠷ᠎ᠢ ᠨᠡᠩ ᠰᠠᠶ᠋ᠢᠲᠤᠷ ᠬᠡᠷᠡᠭᠯᠡᠵᠦ᠂ ᠮᠠᠨ᠎ᠤ ᠣᠷᠣᠨ᠎ᠤ ᠨᠡᠭᠡᠭᠡᠯᠲᠡᠲᠦ ᠬᠡᠯᠪᠡᠷᠢ ᠵᠢᠨ ᠠᠵᠤ ᠠᠬᠤᠶ ᠵᠢᠨ ᠬᠥᠭᠵᠢᠯᠲᠡ ᠵᠢᠨ ᠬᠢᠷᠢ ᠬᠡᠮᠵᠢᠶ᠎ᠡ ᠵᠢ ᠨᠡᠩ ᠳᠡᠭᠡᠭᠰᠢᠯᠡᠭᠦᠯᠦᠨ᠎ᠡ᠃
      ᠬᠥᠲᠥᠯᠥᠭᠴᠢ᠄
     《13· 5》 ᠵᠢᠨ ᠬᠤᠭᠤᠴᠠᠭ᠋ᠠᠨ᠎ᠳᠤ᠂ ᠮᠠᠨ᠎ᠤ ᠣᠷᠣᠨ᠎ᠤ ᠭᠠᠳᠠᠭᠰᠢ ᠨᠡᠭᠡᠭᠡᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠎ᠳᠤ ᠶᠠᠮᠠᠷ ᠶᠠᠮᠠᠷ ᠴᠢᠬᠤᠯᠠ ᠠᠷᠭ᠎ᠠ ᠬᠡᠮᠵᠢᠶ᠎ᠡ ᠠᠪᠬᠤ ᠪᠤᠶ?      
      ᠸᠠᠩ   ᠵᠢᠨ ᠪᠦᠦ᠄
     《ᠬᠥᠲᠥᠯᠪᠦᠷᠢ》᠎ᠳᠤ ᠳᠤᠷᠠᠳᠤᠨ ᠭᠠᠷᠭ᠋ᠠᠭᠰᠠᠨ᠎ᠨᠢ᠂ ᠨᠡᠭᠡᠭᠡᠨ ᠬᠥᠭᠵᠢᠭᠦᠯᠬᠦ ᠵᠢ ᠪᠠᠷᠢᠮᠲᠠᠯᠠᠬᠤ᠎ᠳᠤ᠂ ᠨᠢᠭᠡ᠎ᠳᠤ᠂ ᠭᠠᠳᠠᠭ᠋ᠠᠳᠤ ᠨᠡᠭᠡᠭᠡᠯᠲᠡ ᠵᠢ ᠭᠦᠨᠵᠡᠭᠡᠶ᠋ᠢᠷᠡᠭᠦᠯᠬᠦ ᠬᠡᠷᠡᠭᠲᠡᠶ᠃ ᠰᠠᠭᠤᠷᠢ ᠪᠡᠯᠡᠳᠬᠡᠮᠵᠢ ᠵᠢᠨ ᠬᠠᠷᠢᠯᠴᠠᠨ ᠬᠣᠯᠪᠣᠯᠳᠤᠵᠤ ᠬᠠᠷᠢᠯᠴᠠᠨ ᠨᠡᠪᠲᠡᠷᠡᠯᠴᠡᠬᠦ ᠵᠢ ᠲᠦᠯᠬᠢᠨ ᠠᠬᠢᠭᠤᠯᠵᠤ᠂ ᠬᠢᠯᠢ ᠳᠠᠭ᠋ᠠᠤ ᠤᠯᠤᠰ᠎ᠯᠤᠭ᠎ᠠ ᠵᠢᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ᠂ ᠬᠥᠮᠦᠨ ᠰᠣᠶᠣᠯ᠎ᠤᠨ ᠰᠣᠯᠢᠯᠴᠠᠭ᠎ᠠ ᠵᠢ ᠴᠢᠩᠭ᠋ᠠᠳᠬᠠᠵᠤ᠂ ᠣᠷᠣᠨ ᠪᠦᠰᠡ ᠵᠢᠨ ᠪᠠᠶ᠋ᠢᠷᠢᠰᠢᠯ᠎ᠢ ᠲᠡᠭᠦᠯᠳᠡᠷᠵᠢᠭᠦᠯᠵᠦ᠂ ᠭᠠᠳᠠᠭ᠋ᠠᠳᠤ ᠨᠡᠭᠡᠭᠡᠯᠳᠠ᠎ᠪᠠᠷ ᠭᠣᠣᠯᠳᠠᠯᠭ᠎ᠠ ᠪᠣᠯᠭ᠋ᠠᠨ᠂ 《ᠨᠢᠭᠡ ᠪᠦᠰᠡ ᠨᠢᠭᠡ ᠵᠠᠮ》᠎ᠤᠨ ᠪᠦᠳᠦᠬᠡᠨ ᠪᠠᠶ᠋ᠢᠭᠤᠯᠤᠯᠲᠠ ᠵᠢᠨ ᠪᠠᠶ᠋ᠢᠯᠳᠤᠬᠤ ᠪᠤᠳᠤᠯᠭ᠎ᠠ᠎ᠲᠠᠢ ᠭᠦᠨᠵᠡᠭᠡᠢ ᠠᠭᠤᠰᠤᠯᠴᠠᠬᠤ ᠬᠡᠷᠡᠭᠲᠡᠢ; ᠨᠡᠭᠡᠭᠡᠯᠲᠡ ᠵᠢᠨ ᠲᠠᠪᠴᠠᠩ᠎ᠤᠨ ᠠᠴᠢᠶᠠᠯᠠᠪᠤᠷᠢ ᠵᠢᠨ ᠪᠥᠳᠥᠭᠡᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠶ ᠵᠢᠨ ᠬᠤᠡᠭᠬᠢᠯ (ᠪᠦᠰᠡ) ᠵᠶ᠋ᠡᠷ ᠭᠣᠣᠯᠳᠠᠯᠭ᠎ᠠ ᠪᠣᠯᠭ᠋ᠠᠨ᠂ ᠣᠷᠣᠰ ᠮᠣᠩᠭᠣᠯ ᠤᠯᠤᠰ ᠲᠡᠰᠢ ᠨᠡᠭᠡᠭᠡᠯᠲᠡ ᠬᠢᠬᠦ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠬᠦ ᠬᠡᠷᠡᠭᠲᠡᠶ; ᠪᠡᠯᠡ ᠣᠷᠣᠭᠤᠯᠤᠯᠲᠠ ᠵᠢᠨ ᠲᠣᠭᠲᠠᠴᠠ ᠵᠢ ᠲᠡᠭᠦᠯᠳᠡᠷᠵᠢᠭᠦᠯᠬᠦ᠂ ᠪᠣᠭᠣᠮᠲᠠ᠎ᠪᠠᠷ ᠥᠩᠭᠡᠷᠡᠬᠦ ᠵᠢ ᠳᠥᠭᠥᠮᠴᠢᠯᠡᠬᠦ ᠲᠣᠭᠲᠠᠴᠠ ᠪᠠ ᠰᠢᠨ᠎ᠡ ᠵᠢ ᠡᠭᠦᠳᠬᠦ ᠳᠦᠷᠦ ᠵᠢᠨ ᠪᠤᠲᠤᠯᠭ᠎ᠠ ᠵᠢᠨ ᠲᠣᠭᠲᠠᠴᠠ ᠵᠢ ᠪᠠᠶ᠋ᠢᠭᠤᠯᠬᠤ᠎ᠪᠠᠷ ᠭᠣᠣᠯᠳᠠᠯᠭ᠎ᠠ ᠪᠣᠯᠭ᠋ᠠᠨ᠂ ᠬᠤᠳᠠᠯᠳᠤᠭ᠎ᠠ ᠡᠵᠡᠩᠨᠡᠬᠦ ᠰᠠᠶ᠋ᠢᠨ ᠰᠠᠶ᠋ᠢᠬᠠᠨ ᠣᠷᠴᠢᠨ ᠲᠣᠭᠣᠷᠢᠨ᠎ᠢ ᠴᠣᠭᠴᠠᠯᠠᠵᠤ᠂ ᠨᠡᠭᠡᠭᠡᠯᠲᠡᠲᠦ ᠬᠡᠯᠪᠡᠷᠢ ᠵᠢᠨ ᠠᠵᠤ ᠠᠬᠤᠶ ᠵᠢᠨ ᠰᠢᠨ᠎ᠡ ᠪᠠᠶ᠋ᠢᠭᠤᠯᠤᠯ᠎ᠢ ᠪᠠᠶ᠋ᠢᠭᠤᠯᠵᠤ᠂ ᠨᠡᠭᠡᠭᠡᠯᠲᠡᠲᠦ ᠬᠡᠯᠪᠡᠷᠢ ᠵᠢᠨ ᠠᠵᠤ ᠠᠬᠤᠶ ᠵᠢᠨ ᠰᠢᠨ᠎ᠡ ᠣᠷᠣᠨ ᠵᠠᠶ ᠵᠢ ᠥᠷᠭᠡᠳᠬᠡᠨ᠂ ᠮᠠᠨ᠎ᠤ ᠤᠯᠤᠰ᠎ᠤᠨ ᠤᠮᠠᠷᠠᠰᠢ ᠨᠡᠭᠡᠭᠡᠬᠦ ᠴᠢᠬᠤᠯᠠ ᠪᠡᠬᠢᠯᠡᠯᠲᠡ ᠪᠠ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ ᠬᠢᠯᠢ ᠳᠠᠭ᠋ᠠᠤ ᠨᠡᠭᠡᠭᠡᠨ ᠬᠥᠭᠵᠢᠭᠦᠯᠦᠭᠰᠡᠨ ᠠᠵᠤ ᠠᠬᠤᠶ ᠵᠢᠨ ᠪᠦᠰᠡ ᠵᠢ ᠪᠠᠢ᠌ᠭᠤᠯᠬᠤ ᠬᠡᠷᠡᠭᠲᠡᠢ᠃ ᠬᠣᠶᠠᠷ᠎ᠲᠤ᠂ ᠤᠯᠤᠰ᠎ᠤᠨ ᠳᠣᠲᠣᠭ᠋ᠠᠳᠤ ᠵᠢᠨ ᠣᠷᠣᠨ ᠪᠦᠰᠡ ᠵᠢᠨ ᠬᠠᠮᠲᠤᠷᠠᠨ ᠠᠵᠢᠯᠯᠠᠬᠤ ᠵᠢ ᠭᠦᠨᠵᠡᠭᠡᠢ᠌ᠷᠡᠭᠦᠯᠬᠦ ᠬᠡᠷᠡᠭᠲᠡᠶ᠃ ᠪᠡᠭᠡᠵᠢᠩ ᠲᠢᠶᠠᠨᠵᠢᠨ ᠾᠸᠪᠸᠢ ᠵᠢᠨ ᠬᠠᠮᠵᠢᠯᠴᠠᠨ ᠬᠥᠭᠵᠢᠭᠦᠯᠬᠦ᠎ᠲᠠᠢ ᠢᠳᠡᠪᠬᠢᠲᠡᠶ ᠠᠭᠤᠰᠤᠯᠴᠠᠵᠤ᠂ ᠡᠷᠬᠢᠨ ᠲᠣᠭᠣᠷᠢᠨ᠎ᠤ ᠭᠠᠵᠠᠷ ᠣᠷᠣᠨ᠎ᠤ ᠬᠠᠮᠲᠤᠷᠠᠯᠴᠠᠭ᠎ᠠ ᠵᠢ ᠲᠦᠷᠭᠡᠪᠴᠢᠯᠡᠨ ᠠᠬᠢᠭᠤᠯᠵᠤ᠂ ᠵᠡᠭᠦᠨ ᠪᠡᠶ᠎ᠡ ᠵᠢᠨ ᠬᠥᠭᠵᠢᠭᠰᠡᠨ ᠭᠠᠵᠠᠷ ᠣᠷᠣᠨ᠎ᠯᠤᠭ᠎ᠠ ᠵᠢᠨ ᠬᠠᠮᠲᠤᠷᠠᠯᠴᠠᠭ᠎ᠠ᠎ᠪᠠᠨ ᠥᠷᠭᠡᠳᠬᠡᠵᠦ᠂ ᠬᠠᠮᠲᠤᠷᠠᠨ ᠠᠵᠢᠯᠯᠠᠬᠤ ᠠᠷᠭ᠎ᠠ ᠮᠠᠶᠢᠭ ᠪᠠ ᠬᠠᠮᠲᠤᠷᠠᠨ ᠠᠵᠢᠯᠯᠠᠬᠤ ᠬᠦᠷᠢᠶ᠎ᠡ᠎ᠪᠠᠨ ᠲᠠᠰᠤᠷᠠᠯᠲᠠ ᠦᠭᠡᠢ ᠥᠷᠭᠡᠳᠬᠡᠵᠦ᠂ ᠳᠣᠲᠣᠭ᠋ᠠᠳᠤ ᠨᠡᠭᠡᠭᠡᠯᠳᠡ ᠵᠢᠨ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠬᠠᠷᠢᠯᠴᠠᠨ ᠠᠰᠢᠭᠲᠠᠶ ᠬᠠᠮᠲᠤ᠎ᠪᠠᠷ ᠠᠰᠢᠭ ᠬᠦᠷᠳᠡᠬᠦ ᠣᠷᠣᠨ ᠪᠦᠰᠡ ᠵᠢᠨ ᠬᠠᠮᠲᠤᠷᠠᠯᠴᠠᠭ᠋ᠠᠨ᠎ᠤ ᠰᠢᠨ᠎ᠡ ᠪᠠᠶ᠋ᠢᠷᠢᠰᠢᠯ᠎ᠢ ᠲᠠᠰᠤᠷᠠᠯᠲᠠ ᠦᠭᠡᠢ ᠡᠭᠦᠳᠦᠨ ᠨᠡᠭᠡᠭᠡᠬᠦ ᠬᠡᠷᠡᠭᠲᠡᠶ᠃
      ᠭᠠᠭᠴᠠ ᠬᠦ᠌ ᠶᠡᠬᠡ ᠨᠡᠭᠡᠭᠡᠯᠲᠡ ᠬᠢᠪᠡᠯ ᠰᠠᠶᠢ ᠶᠡᠬᠡ᠎ᠪᠠᠷ ᠬᠥᠭᠵᠢᠭᠦᠯᠵᠦ ᠴᠢᠳᠠᠨ᠎ᠠ᠃ ᠰᠢᠨ᠎ᠡ ᠪᠠᠶ᠋ᠢᠳᠠᠯ ᠳᠣᠣᠷ᠎ᠠ᠂ ᠪᠢᠳᠡ ᠡᠷᠬᠡᠪᠰᠢ ᠣᠳᠣᠬᠠᠨ᠎ᠤ ᠠᠰᠢᠭᠲᠠᠶ ᠴᠠᠭ ᠲᠣᠬᠢᠶᠠᠯ᠎ᠢ ᠠᠳᠬᠤᠵᠤ᠂ ᠬᠥᠭᠵᠢᠯᠲᠡ ᠵᠢᠨ ᠤᠨᠤᠯᠵᠢᠬᠤᠨ᠎ᠢ ᠪᠠᠲᠤ ᠪᠡᠬᠢ ᠪᠤᠢ ᠪᠣᠯᠭ᠋ᠠᠵᠤ᠂   ᠨᠡᠭᠡᠭᠡᠯᠲᠡ᠎ᠪᠠᠨ ᠥᠷᠭᠡᠳᠬᠡᠬᠦ᠎ᠪᠠᠷ ᠰᠢᠨ᠎ᠡ ᠵᠢ ᠡᠭᠦᠳᠬᠦ ᠵᠢ ᠳᠠᠢ᠌ᠴᠢᠯᠠᠵᠤ᠂ ᠥᠭᠡᠷᠡᠴᠢᠯᠡᠯᠲᠡ ᠵᠢ ᠠᠬᠢᠭᠤᠯᠬᠤ᠂ ᠬᠥᠭᠵᠢᠯᠲᠡ ᠵᠢ ᠠᠬᠢᠭᠤᠯᠬᠤ᠂ ᠤᠮᠠᠷᠠᠲᠤ ᠣᠷᠣᠨ᠎ᠳᠤ ᠲᠡᠢ᠌ᠰᠢ ᠬᠠᠨᠳᠤᠭᠤᠯᠵᠤ᠂ ᠳᠣᠲᠣᠷ ᠭᠠᠵᠠᠷ᠎ᠲᠤ ᠦᠢ᠍ᠯᠡᠴᠢᠯᠡᠭᠰᠡᠨ ᠭᠠᠳᠠᠭ᠋ᠠᠳᠤ ᠨᠡᠭᠡᠭᠡᠯᠲᠡ ᠵᠢᠨ ᠰᠢᠨ᠎ᠡ ᠪᠠᠶ᠋ᠢᠷᠢᠰᠢᠯ᠎ᠢ ᠲᠦᠷᠭᠡᠪᠴᠢᠯᠡᠨ ᠪᠠᠶ᠋ᠢᠭᠤᠯᠵᠤ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠨᠡᠭᠡᠭᠡᠯᠲᠡᠲᠦ ᠬᠥᠭᠵᠢᠯᠲᠡ ᠵᠢᠨ ᠰᠢᠨ᠎ᠡ ᠵᠠᠮ ᠵᠶ᠋ᠡᠷ ᠴᠢᠷᠮᠠᠶ᠋ᠢᠨ ᠵᠠᠮᠨᠠᠬᠤ ᠬᠡᠷᠡᠭᠲᠡᠶ ᠶᠤᠮ᠃      
      ᠬᠥᠲᠥᠯᠥᠭᠴᠢ᠄
      ᠬᠠᠮᠲᠤᠪᠠᠷ ᠡᠳ᠋ᠯᠡᠬᠦ ᠬᠥᠭᠵᠢᠯᠲᠡ ᠵᠢ ᠬᠡᠷᠬᠢᠨ ᠤᠢ᠌ᠯᠭ᠋ᠠᠪᠠᠯ ᠵᠣᠬᠢᠬᠤ ᠪᠤᠢ?
      ᠸᠠᠩ ᠵᠢᠨ ᠪᠦᠦ᠄
      ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ ᠨᠢᠭᠡᠳᠦᠭᠡᠷ ᠵᠠᠭᠤᠨ ᠵᠢᠯ᠎ᠤᠨ ᠪᠦᠬᠦ ᠬᠠᠷᠠᠯᠲᠠ᠎ᠠᠴᠠ ᠠᠪᠴᠤ ᠦᠵᠡᠪᠡᠯ᠂ 2020 ᠣᠨ ᠪᠣᠯᠬᠤ᠎ᠳᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ ᠪᠠ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠣᠷᠣᠯᠭ᠎ᠠ ᠵᠢ 2010 ᠣᠨ᠎ᠤ᠎ᠬᠢ᠎ᠠᠴᠠ ᠬᠣᠶᠠᠷ ᠳᠠᠬᠢᠨ ᠨᠡᠮᠡᠭᠳᠡᠭᠦᠯᠦᠨ᠎ᠡ᠂ ᠭᠡᠪᠡᠴᠦ ᠵᠥᠪᠬᠡᠨ 《ᠶᠡᠷᠦᠩᠬᠡᠶ ᠥᠷᠲᠡᠭ》 ᠪᠠ 《ᠬᠥᠮᠦᠨ ᠳᠤᠮᠳᠠᠴᠢ》 ᠵᠢᠨ ᠴᠢᠨᠡᠭᠡᠯᠢᠭ᠎ᠨᠢ ᠪᠦᠬᠦ ᠲᠠᠯ᠎ᠠ ᠵᠢᠨ ᠴᠢᠨᠡᠭᠡᠯᠢᠭ ᠪᠢᠰᠢ᠂ ᠨᠢᠭᠡ ᠪᠦᠯᠦᠭ ᠬᠥᠮᠦᠰ 《ᠴᠢᠨᠡᠭᠡᠯᠢᠭᠵᠢᠬᠦ》᠎ᠨᠢ ᠪᠦᠬᠦ ᠲᠠᠯ᠎ᠠ ᠵᠢᠨ ᠴᠢᠨᠡᠭᠡᠯᠢᠭ ᠨᠡᠶ᠋ᠢᠭᠡᠮ᠎ᠤᠨ ᠦᠷᠲᠡᠭ᠎ᠤᠨ ᠥᠩᠭᠡ ᠪᠣᠳᠣᠭ᠎ᠢ ᠬᠣᠬᠢᠷᠠᠭᠤᠯᠵᠤ᠂ ᠪᠦᠬᠦ ᠲᠠᠯ᠎ᠠ ᠵᠢᠨ ᠴᠢᠨᠡᠭᠡᠯᠢᠭ ᠨᠡᠶ᠋ᠢᠭᠡᠮ᠎ᠤᠨ ᠪᠤᠳᠠᠲᠠᠢ ᠴᠢᠨᠠᠷ᠎ᠢ   ᠪᠠᠭᠤᠷᠠᠭᠤᠯᠤᠨ᠎ᠠ᠃ ᠪᠦᠭᠦ ᠲᠠᠯ᠎ᠠ ᠵᠢᠨ ᠴᠢᠨᠡᠭᠡᠯᠢᠭ ᠨᠡᠶ᠋ᠢᠭᠡᠮ ᠪᠣᠯ ᠬᠥᠮᠦᠨ ᠪᠥᠬᠥᠨ ᠬᠠᠮᠲᠤ᠎ᠪᠠᠷ ᠡᠳ᠋ᠯᠡᠬᠦ ᠨᠡᠢ᠌ᠭᠡᠮ ᠪᠣᠯᠣᠨ᠎ᠠ᠂ ᠨᠢᠭᠡ ᠬᠥᠮᠦᠨ ᠴᠦ᠍ ᠬᠣᠴᠣᠷᠤᠭᠰᠠᠨ ᠦᠭᠡᠢ ᠴᠢᠨᠡᠭᠡᠯᠢᠭᠵᠢᠭᠰᠡᠨ ᠪᠠᠢ᠌ᠬᠤ ᠬᠡᠷᠡᠭᠲᠡᠢ ᠶᠤᠮ᠂ ᠡᠨᠡ᠎ᠨᠢ ᠶᠠᠭ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ᠎ᠳᠠᠬᠢ ᠬᠦᠴᠢᠷᠳᠡᠯ ᠪᠣᠯᠣᠨ ᠰᠢᠪᠲᠤᠯᠤᠯᠲᠠ ᠪᠣᠯᠣᠨ᠎ᠠ᠃ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ᠎ᠳᠤ ᠡᠷᠬᠡᠪᠰᠢ ᠬᠥᠭᠵᠢᠯᠲᠡ ᠵᠢᠨ ᠤᠨᠤᠯᠵᠢᠬᠤᠨ ᠵᠶ᠋ᠠᠷ ᠪᠣᠳᠣᠯᠬᠢᠯᠠᠨ ᠲᠣᠬᠢᠷᠠᠭᠤᠯᠵᠤ᠂ ᠠᠷᠠᠳ ᠲᠦᠮᠡᠨ᠎ᠤ ᠠᠮᠢᠳᠤᠷᠠᠯ᠎ᠤᠨ ᠬᠢᠷᠢ ᠬᠡᠮᠵᠢᠶ᠎ᠡ ᠪᠠ ᠴᠢᠨᠠᠷ ᠴᠢᠨᠰᠠᠭ᠎ᠠ ᠵᠢ ᠨᠡᠶ᠋ᠢᠳᠡᠮ ᠳᠡᠭᠡᠭᠰᠢᠯᠡᠭᠦᠯᠦᠨ᠂ ᠢᠯᠠᠩᠭᠤᠶ᠎ᠠ ᠶᠠᠳᠠᠭᠤ ᠬᠦᠴᠢᠷᠳᠡᠯ᠎ᠲᠠᠢ ᠭᠠᠵᠠᠷ ᠣᠷᠣᠨ ᠪᠣᠯᠤᠨ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠶᠠᠳᠠᠭᠤ ᠬᠦᠴᠢᠷᠳᠡᠯᠲᠡᠢ ᠮᠠᠯᠠᠭ᠋ᠠᠶ ᠵᠢ   ᠲᠠᠶᠠᠭᠳᠠᠬᠤ ᠬᠡᠷᠡᠭᠲᠡᠶ᠃ ᠬᠣᠶᠠᠳᠤᠭ᠋ᠠᠷ ᠵᠠᠭᠤᠨ ᠵᠢᠯ᠎ᠤᠨ ᠬᠠᠷᠠᠯᠲᠠ ᠵᠢ ᠪᠠᠷᠠᠯᠠᠵᠤ᠂ ᠬᠥᠭᠵᠢᠯᠲᠡ ᠵᠢ ᠪᠠᠷᠢᠮᠲᠠᠯᠠᠵᠤ᠂ ᠬᠥᠮᠦᠨ ᠪᠦᠬᠦᠨ᠎ᠳᠤ ᠬᠦᠷᠲᠡᠭᠡᠯ ᠬᠦᠷᠲᠡᠭᠰᠡᠨ ᠲᠥᠷᠥᠭᠳᠡᠯ ᠣᠯᠭᠣᠵᠤ᠂ ᠬᠥᠮᠦᠨ ᠪᠦᠷᠢ ᠵᠢᠨ ᠵᠣᠯ ᠵᠢᠷᠭ᠋ᠠᠯᠲᠤ ᠰᠡᠳᠬᠢᠯᠭᠡ ᠵᠢ ᠨᠡᠮᠡᠭᠳᠡᠭᠦᠯᠬᠦ ᠪᠣᠯ ᠮᠥᠨ ᠦᠨᠳᠦᠰᠦᠨ ᠱᠠᠭ᠋ᠠᠷᠳᠠᠯᠭ᠎ᠠ ᠮᠥᠨ᠃ ᠣᠳᠣ᠂ ᠠᠷᠠᠳ ᠣᠯᠠᠨ ᠲᠥᠪ ᠭᠣᠣᠯᠴᠢ ᠪᠠᠢ᠌ᠬᠤ ᠵᠢ ᠨᠡᠩ   ᠶᠡᠬᠡ ᠬᠦᠰᠡᠵᠦ ᠱᠠᠭ᠋ᠠᠷᠳᠠᠬᠤ᠂ ᠨᠡᠩ ᠰᠠᠢ᠌ᠨ ᠣᠷᠴᠢᠨ ᠲᠤᠭᠤᠷᠢᠨ᠎ᠢ ᠬᠥᠭᠡᠭᠡᠴᠡᠯᠳᠦᠬᠦ᠂ ᠨᠡᠩ ᠰᠠᠢ᠌ᠨ ᠠᠮᠢᠳᠤᠷᠠᠯ᠎ᠢ   ᠮᠥᠷᠥᠭᠡᠳᠬᠦ᠎ᠨᠢ ᠳᠠᠷᠤᠶ ᠪᠢᠳᠠ ᠬᠣᠶ᠋ᠢᠰᠢᠳᠠ ᠵᠢᠨ ᠥᠭᠡᠷᠡᠴᠢᠯᠡᠯᠲᠡ ᠬᠥᠭᠵᠢᠭᠦᠯᠦᠯᠲᠡ ᠵᠢ ᠲᠥᠰᠥᠪᠯᠡᠬᠦ᠎ᠳᠡᠭᠡᠨ᠂ ᠤᠯᠡᠠ ᠲᠦᠮᠡᠨ᠎ᠳᠤ ᠨᠡᠩ ᠠᠷᠪᠢᠨ ᠬᠦᠷᠲᠡᠭᠡᠯ ᠬᠦᠷᠲᠡᠭᠡᠭᠰᠡᠨ ᠲᠥᠷᠥᠭᠳᠡᠯ ᠣᠯᠭᠣᠬᠤ᠂ ᠨᠡᠩ ᠶᠡᠬᠡ ᠵᠣᠯ ᠵᠢᠷᠭ᠋ᠠᠯ᠎ᠲᠠᠢ ᠰᠡᠳᠬᠢᠭᠳᠡᠯ   ᠣᠯᠭᠣᠬᠤ ᠵᠢ ᠲᠣᠭᠲᠠᠭ᠋ᠠᠵᠠᠢ᠃ 《13· 5》 ᠵᠢᠨ ᠲᠥᠯᠥᠪᠵᠢᠭᠦᠯᠭᠡ ᠵᠢᠨ ᠬᠤᠭᠤᠴᠠᠭ᠎ᠠ ᠪᠣᠯ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ ᠰᠢᠢ᠍ᠳᠪᠦᠷᠢᠲᠦ ᠱᠠᠲᠤ ᠪᠣᠯᠬᠣᠷ᠂ ᠰᠠᠭᠤᠷᠢ ᠪᠡᠯᠡᠳᠬᠡᠮᠵᠢ ᠪᠠ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠨᠡᠯᠢᠶᠡᠳ ᠬᠣᠴᠣᠷᠤᠩᠭᠤᠶ᠂ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠰᠠᠭᠤᠷᠢ ᠲᠣᠭ᠎ᠠ ᠨᠡᠯᠢᠶᠡᠳ ᠶᠡᠬᠡ᠂ ᠠᠷᠠᠳ᠎ᠤᠨ ᠠᠮᠢᠳᠤᠷᠠᠯ᠎ᠤᠨ ᠨᠡᠶ᠋ᠢᠭᠡᠮ᠎ᠤᠨ ᠦᠢ᠍ᠯᠡᠰ᠎ᠲᠠᠬᠢ ᠥᠷᠢ ᠶᠡᠬᠡ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠪᠦᠬᠦ ᠤᠯᠤᠰ᠎ᠤᠨ ᠳᠤᠮᠳᠠᠴᠢ ᠬᠡᠮᠵᠢᠶ᠎ᠡ᠎ᠠᠴᠠ ᠳᠣᠣᠷ᠎ᠠ ᠪᠠᠢ᠌ᠬᠤ ᠵᠡᠷᠭᠡ ᠠᠯᠢ ᠤᠯᠠᠨ ᠬᠦᠴᠢᠷ ᠪᠡᠷᠬᠡᠰᠢᠶᠡᠯ ᠪᠠ ᠥᠷᠢᠰᠥᠯᠳᠦᠭᠡᠨ᠎ᠤ ᠡᠮᠦᠨ᠎ᠡ᠂ ᠥᠪᠥᠷ ᠮᠣᠩᠭᠣᠯ ᠬᠠᠮᠲᠤ᠎ᠪᠠᠷ ᠡᠳ᠋ᠯᠡᠬᠦ ᠬᠥᠭᠵᠢᠯᠲᠡ ᠵᠢ ᠪᠠᠷᠢᠮᠲᠠᠯᠠᠬᠤ ᠡᠭᠦᠷᠭᠡ ᠨᠡᠩ ᠲᠤᠯᠭ᠋ᠠᠮ᠎ᠠ ᠱᠠᠭ᠋ᠠᠷᠳᠠᠭᠳᠠᠵᠤ ᠪᠠᠶ᠋ᠢᠨ᠎ᠠ᠃ ᠬᠠᠮᠲᠤ᠎ᠪᠠᠷ ᠡᠳ᠋ᠯᠡᠬᠦ ᠬᠥᠭᠵᠢᠯᠲᠡ ᠵᠢ ᠪᠠᠷᠢᠮᠲᠠᠯᠠᠵᠤ᠂ ᠬᠥᠭᠵᠢᠭᠦᠯᠬᠦ᠎ᠪᠠᠷ ᠲᠡᠷᠢᠭᠦᠨ ᠴᠢᠬᠤᠯᠠ ᠡᠭᠦᠷᠭᠡ᠎ᠪᠠᠨ ᠪᠣᠯᠭ᠋ᠠᠬᠤ ᠵᠢ ᠭᠤᠶ᠋ᠢᠪᠢᠰᠢ ᠦᠭᠡᠢ ᠪᠠᠷᠢᠮᠲᠠᠯᠠᠵᠤ᠂ ᠲᠤᠮᠤ 《ᠪᠣᠣᠪᠣ》᠎ᠪᠠᠨ ᠤᠯᠠᠮ ᠶᠡᠬᠡᠳᠡᠭᠦᠯᠵᠦ᠂ ᠠᠷᠠᠳ ᠣᠯᠠᠨ᠎ᠳᠤ ᠬᠥᠭᠵᠢᠯᠲᠡ ᠵᠢᠨ ᠳᠤᠮᠳᠠ ᠬᠠᠮᠲᠣᠪᠠᠷ ᠡᠳ᠋ᠯᠡᠬᠦ ᠨᠡᠩ ᠥᠨᠳᠥᠷ᠂ ᠨᠡᠩ ᠥᠷᠭᠡᠨ᠂ ᠨᠡᠩ ᠲᠥᠪ ᠭᠣᠣᠯᠴᠢ᠎ᠪᠠᠷ ᠬᠦᠷᠲᠡᠭᠡᠨ᠎ᠡ; ᠡᠷᠬᠡᠪᠰᠢ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠲᠦᠰᠢᠭᠯᠡᠨ ᠬᠠᠮᠲᠤ᠎ᠪᠠᠷ ᠴᠢᠷᠮᠠᠶ᠋ᠢᠨ ᠲᠡᠮᠡᠴᠡᠬᠦ ᠪᠠ ᠴᠢᠷᠮᠠᠶ᠋ᠢᠨ ᠡᠭᠦᠳᠦᠨ ᠪᠦᠲᠦᠭᠡᠵᠦ᠂ 《ᠬᠥᠮᠦᠨ ᠪᠥᠬᠥᠨ ᠣᠷᠣᠯᠴᠠᠵᠤ᠂ ᠬᠥᠮᠦᠨ ᠪᠦᠬᠦᠨ ᠴᠢᠷᠮᠠᠢ᠌ᠵᠤ᠂ ᠬᠥᠮᠦᠨ ᠪᠦᠬᠦᠨ ᠬᠠᠮᠲᠤᠪᠠᠷ ᠬᠦᠷᠲᠡᠬᠦ》 ᠪᠠᠶ᠋ᠢᠳᠠᠯ᠎ᠢ ᠪᠦᠷᠢᠯᠳᠦᠭᠦᠯᠵᠦ᠂ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠳᠤᠮᠳᠠ ᠵᠣᠯ ᠵᠢᠷᠭ᠋ᠠᠯᠲᠤ ᠠᠮᠢᠳᠤᠷᠠᠯ᠂ ᠰᠠᠢ᠍ᠢ᠍ᠨ ᠰᠠᠶ᠋ᠢᠬᠠᠨ ᠢᠷᠡᠭᠡᠳᠦᠶ᠎ᠲᠠᠢ ᠪᠣᠯᠣᠨ᠎ᠠ᠃
      ᠬᠥᠲᠥᠯᠥᠭᠴᠢ᠄
     《13 · 5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠶᠠᠭ᠋ᠠᠬᠢᠪᠠᠯ ᠰᠠᠶᠢ ᠪᠥᠬᠥ ᠣᠷᠣᠨ᠎ᠤ ᠠᠷᠠᠳ ᠲᠦᠮᠡᠨ᠎ᠤ ᠠᠵᠠ ᠵᠢᠷᠭ᠋ᠠᠯ᠎ᠢ ᠲᠠᠰᠤᠷᠠᠯᠳᠠ ᠦᠭᠡᠢ ᠨᠡᠮᠡᠭᠳᠡᠭᠦᠯᠵᠦ ᠴᠢᠳᠠᠬᠤ ᠪᠤᠢ?
      ᠸᠠᠩ ᠵᠢᠨ ᠪᠣᠣ᠄
      ᠠᠷᠠᠳ ᠲᠦᠮᠡᠨ᠎ᠤ ᠠᠵᠠ ᠵᠢᠷᠭ᠋ᠠᠯ᠎ᠢ ᠲᠠᠰᠤᠷᠠᠯᠲᠠ ᠦᠭᠡᠢ ᠨᠡᠮᠡᠭᠳᠡᠭᠦᠯᠵᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠪᠣᠯ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠡᠭᠦᠰᠭᠡᠯ ᠪᠣᠯᠤᠨ ᠲᠡᠭᠦᠰᠬᠡᠯ ᠮᠥᠨ᠃ 《ᠬᠦᠲᠦᠯᠪᠦᠷᠢ》᠎ᠳᠤ ᠳᠤᠷᠠᠳᠤᠨ ᠭᠠᠷᠭ᠋ᠠᠭᠰᠠᠨ᠎ᠨᠢ᠂ ᠬᠠᠮᠲᠤ᠎ᠪᠠᠷ ᠡᠳ᠋ᠯᠡᠬᠦ ᠬᠥᠭᠵᠢᠯᠲᠡ ᠵᠢ ᠪᠠᠷᠢᠮᠲᠠᠯᠠᠵᠤ᠂ ᠠᠷᠠᠳ ᠲᠦᠮᠡᠨ᠎ᠤ ᠠᠵᠠ ᠵᠢᠷᠭ᠋ᠠᠯ᠎ᠢ ᠨᠡᠮᠡᠭᠳᠡᠭᠦᠯᠦᠨ᠎ᠡ᠂ ᠨᠢᠭᠡ᠎ᠳᠤ ᠶᠠᠳᠠᠭᠤ᠎ᠠᠴᠠ ᠠᠩᠭᠢᠵᠢᠷᠠᠭᠤᠯᠬᠤ ᠪᠡᠬᠢᠯᠡᠯᠲᠡ ᠰᠢᠪᠲᠤᠯᠬᠤ ᠢᠨᠵᠧᠨᠧᠷᠢᠩ᠎ᠢ ᠬᠡᠷᠡᠭᠵᠢᠭᠦᠯᠬᠦ ᠬᠡᠷᠡᠭᠲᠡᠶ᠃ ᠨᠠᠷᠠᠯᠢᠭ ᠣᠨᠣᠪᠴᠢᠲᠠᠶ᠎ᠪᠠᠷ ᠶᠠᠳᠠᠭᠤ ᠵᠢ ᠲᠡᠳᠬᠦᠬᠦ ᠨᠠᠷᠠᠯᠢᠭ ᠣᠨᠣᠪᠴᠢᠲᠠᠢ᠎ᠪᠠᠷ ᠶᠠᠳᠠᠭᠤ᠎ᠠᠴᠠ ᠠᠩᠭᠢᠵᠢᠷᠠᠭᠤᠯᠬᠤ ᠵᠢ ᠠᠬᠢᠭᠤᠯᠵᠤ᠂ ᠶᠠᠳᠠᠭᠤ ᠵᠢ ᠲᠡᠳᠬᠦᠬᠦ ᠣᠷᠣᠭᠤᠯᠤᠯᠲᠠ ᠵᠢ ᠤᠯᠠᠨ ᠠᠷᠭ᠎ᠠ ᠵᠠᠮ ᠵᠶ᠋ᠠᠷ ᠨᠡᠮᠡᠭᠳᠡᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠡᠬᠢᠯᠡᠯᠲᠡ ᠰᠢᠪᠲᠤᠯᠬᠤ ᠭᠣᠣᠯᠳᠠᠯᠭ᠎ᠠ᠎ᠲᠠᠢ ᠢᠨᠵᠧᠨᠧᠷᠢᠩ᠎ᠤᠨ ᠲᠦᠷᠥᠯ ᠵᠦᠢ᠍ᠯ᠎ᠢ ᠬᠡᠷᠡᠭᠵᠢᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ 2017 ᠣᠨ ᠪᠣᠯᠬᠤ᠎ᠳᠤ ᠬᠠᠷᠢᠴᠠᠯᠠᠰᠢ ᠥᠭᠡᠢ ᠶᠠᠳᠠᠭᠤ ᠵᠢ ᠦᠨᠳᠦᠰᠦᠨ᠎ᠳᠡᠭᠡᠨ ᠠᠷᠢᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠶᠠᠳᠠᠭᠤ ᠬᠦᠴᠢᠷᠳᠡᠯᠲᠡᠶ ᠬᠣᠰᠢᠭᠤ ᠰᠢᠶᠠᠨ ᠪᠥᠬᠥᠡ᠎ᠤ ᠶᠠᠳᠠᠭᠤ ᠬᠦᠴᠢᠷᠳᠡᠯᠲᠡᠢ ᠮᠠᠯᠠᠭ᠋ᠠᠶ ᠵᠢ ᠲᠠᠶᠠᠭᠳᠠᠵᠤ᠂ 2020 ᠣᠨ ᠪᠣᠯᠬᠤ᠎ᠳᠤ ᠤᠯᠤᠰ᠎ᠤᠨ ᠣᠳᠣᠬᠢ ᠬᠡᠷᠡᠭᠵᠢᠭᠦᠯᠵᠦ ᠪᠠᠶ᠋ᠢᠭ᠎ᠠ ᠪᠠᠷᠢᠮᠵᠢᠶ᠎ᠠ᠎ᠪᠠᠷ ᠲᠠᠷᠢᠶᠠᠯᠠᠬᠤ ᠮᠠᠯᠵᠢᠬᠤ ᠣᠷᠣᠨ᠎ᠤ ᠶᠠᠳᠠᠭᠤ ᠬᠦᠴᠢᠷᠳᠡᠯᠲᠡᠶ ᠬᠥᠮᠦᠨ ᠠᠮᠠ ᠵᠢ ᠶᠠᠳᠠᠭᠤ᠎ᠠᠴᠠ ᠠᠩᠭᠢᠵᠢᠷᠠᠭᠤᠯᠵᠤ᠂ ᠤᠯᠤᠰ᠎ᠤᠨ ᠭᠣᠣᠯᠳᠠᠯᠭ᠎ᠠ᠎ᠲᠠᠢ ᠶᠠᠳᠠᠭᠤ ᠬᠦᠴᠢᠷᠳᠡᠯᠲᠡᠶ ᠬᠣᠰᠢᠭᠤ ᠰᠢᠶᠠᠨ ᠪᠥᠬᠥᠡ᠎ᠤ ᠶᠠᠳᠠᠭᠤ ᠬᠦᠴᠢᠷᠳᠡᠯᠲᠡᠢ ᠮᠠᠯᠠᠭ᠋ᠠᠶ ᠵᠢ ᠲᠠᠶᠠᠭᠳᠠᠵᠤ᠂ ᠣᠷᠣᠨ ᠪᠦᠰᠡ ᠵᠢᠨ ᠴᠢᠨᠠᠷᠲᠠᠶ ᠪᠦᠬᠦᠯᠢ ᠴᠣᠭᠴᠠ ᠵᠢᠨ ᠶᠠᠳᠠᠭᠤ ᠬᠦᠴᠢᠷᠳᠡᠯ᠎ᠢ ᠰᠢᠢ᠍ᠳᠪᠦᠷᠢᠯᠡᠵᠦ᠂ ᠪᠦᠬᠦ ᠤᠯᠤᠰ᠎ᠲᠠᠢ ᠴᠤᠭᠭ᠋ᠠᠷ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠬᠡᠷᠡᠭᠲᠡᠢ᠃ ᠬᠣᠶᠠᠷ᠎ᠲᠤ᠂ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢ ᠲᠦᠯᠬᠢᠨ ᠠᠬᠢᠭᠤᠯᠬᠤ ᠬᠡᠷᠡᠭᠲᠡᠶ᠃ ᠮᠣᠷᠠᠯ᠎ᠢ ᠪᠤᠶ ᠪᠣᠯᠭ᠋ᠠᠨ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠵᠤ᠂ ᠰᠤᠷᠭ᠋ᠠᠨ ᠬᠥᠮᠦᠵᠢᠯ᠎ᠤᠨ ᠬᠦᠷᠢᠶᠡᠨ᠎ᠳᠠᠬᠢ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠡᠯ᠎ᠡ ᠲᠦᠷᠦᠯ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠯᠡᠨ᠂ ᠰᠤᠷᠭ᠋ᠠᠨ ᠬᠥᠮᠦᠵᠢᠯ᠎ᠤᠨ ᠭᠣᠣᠯᠴᠢ ᠪᠠᠶ᠋ᠢᠬᠤ ᠵᠢ ᠠᠬᠢᠭᠤᠯᠵᠤ᠂ ᠰᠤᠷᠤᠯᠴᠠᠬᠤ ᠬᠡᠯᠪᠡᠷᠢ ᠵᠢᠨ ᠨᠡᠶ᠋ᠢᠭᠡᠮ᠎ᠤᠨ ᠪᠠᠢ᠌ᠭᠤᠯᠤᠯᠲᠠ ᠵᠢ ᠲᠦᠯᠬᠢᠨ ᠠᠬᠢᠭᠤᠯᠵᠤ᠂ ᠪᠡᠶ᠎ᠡ ᠮᠠᠬᠠᠪᠣᠳ ᠭᠤᠸ᠎ᠠ ᠰᠠᠶ᠋ᠢᠬᠠᠨ ᠵᠡᠷᠭᠡ ᠪᠦᠬᠦ ᠲᠠᠯ᠎ᠠ᠎ᠪᠠᠷ ᠬᠥᠭᠵᠢᠭᠰᠡᠨ ᠨᠡᠶ᠋ᠢᠭᠡᠮ ᠵᠢᠷᠤᠮ᠎ᠤᠨ ᠪᠦᠳᠦᠭᠡᠨ ᠪᠠᠶ᠋ᠢᠭᠤᠯᠤᠭᠴᠢ ᠪᠠ ᠵᠠᠯᠭ᠋ᠠᠮᠵᠢᠯᠠᠭᠴᠢ ᠵᠢ ᠬᠥᠮᠦᠵᠢᠭᠦᠯᠬᠦ ᠬᠡᠷᠡᠭᠲᠡᠶ᠃ ᠭᠤᠷᠪᠠ᠎ᠳᠤ ᠠᠵᠢᠯ ᠣᠯᠭᠣᠬᠤ ᠠᠳᠠᠯ ᠦᠢ᠍ᠯᠡᠰ ᠴᠣᠭᠴᠠᠯᠠᠬᠤ ᠵᠢ ᠠᠬᠢᠭᠤᠯᠬᠤ ᠬᠡᠷᠡᠭᠲᠡᠶ᠃ ᠠᠳᠠᠯ ᠦᠢ᠍ᠯᠡᠰ ᠴᠣᠭᠴᠠᠯᠠᠬᠤ᠎ᠪᠠᠷ ᠠᠵᠢᠯ ᠣᠯᠭᠣᠯᠲᠠ ᠵᠢ ᠳᠠᠢ᠌ᠴᠢᠯᠠᠬᠤ ᠵᠢ ᠠᠬᠢᠭᠤᠯᠵᠤ᠂ ᠭᠣᠣᠯᠳᠠᠯᠭ᠎ᠠ᠎ᠲᠠᠢ ᠬᠥᠮᠦᠰ᠎ᠲᠤ ᠠᠵᠢᠯ ᠣᠯᠭᠣᠬᠤ ᠵᠢ ᠠᠬᠢᠭᠤᠯᠵᠤ᠂ ᠠᠵᠢᠯ ᠣᠯᠭᠣᠬᠤ ᠠᠳᠠᠯ ᠦᠢ᠍ᠯᠡᠰ ᠴᠣᠭᠴᠠᠯᠠᠬᠤ ᠦᠢ᠍ᠯᠡᠴᠢᠯᠡᠭᠡᠨ᠎ᠤ ᠰᠢᠰᠲ᠋ᠧᠮᠵᠢ ᠵᠢ ᠲᠡᠭᠦᠯᠳᠡᠷᠵᠢᠭᠦᠯᠵᠦ᠂ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠪᠠᠶ᠋ᠢᠯᠳᠤᠬᠤ ᠪᠤᠳᠤᠯᠭ᠎ᠠ ᠵᠢ ᠪᠠᠷᠢᠮᠲᠠᠯᠠᠵᠤ᠂ ᠨᠡᠩ ᠢᠳᠡᠪᠬᠢᠲᠡᠶ ᠠᠵᠢᠯ ᠣᠯᠭᠣᠯᠲᠠ ᠵᠢᠨ ᠲᠦᠷᠦ ᠵᠢᠨ ᠪᠤᠳᠤᠯᠭ᠎ᠠ ᠵᠢ ᠬᠡᠷᠡᠭᠵᠢᠭᠦᠯᠵᠦ᠂ ᠪᠦᠲᠦᠴᠡ ᠵᠢᠨ ᠴᠢᠨᠠᠷᠲᠠᠶ ᠠᠵᠢᠯ ᠣᠯᠭᠣᠯᠲᠠ ᠵᠢᠨ ᠵᠥᠷᠢᠴᠡᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠢ᠃ ᠳᠦᠷᠪᠡ᠎ᠳᠤ ᠣᠷᠣᠯᠭ᠎ᠠ ᠵᠢᠨ ᠬᠤᠪᠢᠶᠠᠷᠢᠯᠠᠯᠲᠠ ᠵᠢᠨ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠶ᠃ ᠣᠷᠣᠯᠭ᠎ᠠ ᠵᠢᠨ ᠬᠤᠪᠢᠶᠠᠷᠢᠯᠠᠯᠲᠠ ᠵᠢᠨ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠵᠦ᠂ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠣᠷᠣᠯᠭ᠎ᠠ ᠵᠢᠨ ᠵᠥᠷᠢᠶ᠎ᠡ ᠵᠢ ᠬᠦᠴᠦᠯᠡᠨ ᠪᠠᠭ᠋ᠠᠰᠬᠠᠬᠤ᠂ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠢ ᠠᠵᠤ ᠠᠬᠤᠶ ᠵᠢᠨ ᠨᠡᠮᠡᠭᠳᠡᠯ᠎ᠲᠠᠢ ᠢᠵᠢᠯᠢ ᠠᠯᠬᠤᠮ ᠪᠠᠢ᠌ᠯᠭ᠋ᠠᠬᠤ᠂ ᠬᠥᠳᠡᠯᠮᠦᠷᠢ ᠵᠢᠨ ᠬᠥᠯᠥᠰᠥ ᠣᠯᠭᠣᠮᠵᠢ ᠵᠢ ᠳᠡᠭᠡᠭᠰᠢᠯᠡᠭᠦᠯᠬᠦ ᠪᠠ ᠬᠥᠳᠡᠯᠮᠦᠷᠢ ᠦᠢ᠍ᠯᠡᠳᠪᠦᠷᠢᠯᠡᠯ᠎ᠤᠨ ᠨᠤᠷᠮ᠎ᠠ ᠵᠢᠨ ᠳᠡᠭᠡᠭᠰᠢᠯᠡᠯᠲᠡ ᠵᠢ ᠢᠵᠢᠯᠢ ᠠᠯᠬᠤᠮ ᠪᠠᠢ᠌ᠯᠭ᠋ᠠᠵᠤ᠂ ᠵᠦᠢ ᠵᠣᠬᠢᠰᠲᠠᠶ ᠪᠥᠭᠡᠳ ᠡᠮᠬᠢ ᠵᠢᠷᠤᠮ᠎ᠲᠠᠢ ᠬᠤᠪᠢᠶᠠᠷᠢᠯᠠᠯᠲᠠ ᠵᠢᠨ ᠪᠠᠶ᠋ᠢᠷᠢᠰᠢᠯ᠎ᠢ ᠠᠯᠬᠤᠮ ᠠᠯᠬᠤᠮ ᠵᠶ᠋ᠠᠷ ᠪᠦᠷᠢᠳᠦᠭᠦᠯᠬᠦ ᠬᠡᠷᠡᠭᠲᠡᠢ᠃ ᠲᠠᠪᠤ᠎ᠳᠤ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠬᠦ ᠬᠡᠷᠡᠭᠲᠡᠶ᠃ ᠨᠡᠶ᠋ᠢᠭᠡᠮ᠎ᠤᠨ ᠳᠠᠭ᠋ᠠᠳᠬᠠᠯ᠎ᠤᠨ ᠲᠦᠷᠢᠮ᠎ᠢ ᠲᠡᠭᠦᠯᠳᠡᠷᠵᠢᠭᠦᠯᠵᠦ᠂ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠰᠢᠰᠲ᠋ᠧᠮᠵᠢ ᠵᠢ ᠲᠡᠭᠦᠯᠳᠡᠷᠵᠢᠭᠦᠯᠬᠦ᠂ ᠨᠡᠶ᠋ᠢᠭᠡᠮ᠎ᠤᠨ ᠠᠰᠠᠷᠠᠮᠵᠢ ᠵᠢᠨ ᠲᠦᠷᠢᠮ᠎ᠢ ᠲᠡᠭᠦᠯᠳᠡᠷᠵᠢᠭᠦᠯᠵᠦ᠂ ᠤᠯᠠᠨ ᠳᠡᠰ ᠳᠠᠪᠬᠤᠷᠭ᠎ᠠ ᠪᠦᠬᠦᠢ ᠣᠷᠣᠨ ᠰᠠᠭᠤᠴᠠ ᠵᠢᠨ ᠪᠠᠲᠤᠯᠠᠭ᠎ᠠ ᠪᠠ ᠬᠠᠩᠭ᠋ᠠᠯᠭ᠎ᠠ ᠵᠢᠨ ᠰᠢᠰᠲ᠋ᠧᠮᠵᠢ ᠵᠢ ᠪᠠᠶ᠋ᠢᠭᠤᠯᠵᠤ᠂ ᠨᠡᠶ᠋ᠢᠭᠡᠮ᠎ᠤᠨ ᠪᠠᠲᠤᠯᠠᠭ᠎ᠠ ᠵᠢᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠡᠶ᠋ᠢᠭᠡᠮ᠎ᠤᠨ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠯᠠᠪᠳᠠᠭᠤᠨ ᠵᠶ᠋ᠠᠷ ᠳᠡᠭᠡᠭᠰᠢᠯᠡᠭᠦᠯᠵᠦ᠂ ᠬᠤᠳᠠ ᠬᠥᠳᠡᠭᠡ ᠵᠢ ᠬᠠᠮᠤᠷᠤᠭᠰᠠᠨ᠂ ᠨᠡᠩ ᠭᠣᠣᠯᠴᠢ ᠪᠥᠭᠡᠳ ᠦᠷᠭᠦᠯᠵᠢᠯᠡᠭᠦᠯᠬᠦ ᠨᠡᠶ᠋ᠢᠭᠡᠮ᠎ᠤᠨ ᠪᠠᠲᠤᠯᠠᠭ᠎ᠠ ᠵᠢᠨ ᠲᠦᠷᠢᠮ᠎ᠢ ᠪᠠᠢ᠌ᠭᠤᠯᠬᠤ ᠬᠡᠷᠡᠭᠲᠡᠢ᠃ ᠵᠢᠷᠭᠤᠭ᠎ᠠ᠎ᠳᠤ ᠡᠷᠡᠭᠦᠯ ᠴᠢᠬᠢᠷᠠᠭ ᠥᠪᠥᠷ ᠮᠣᠩᠭᠣᠯ᠎ᠤᠨ ᠪᠥᠳᠥᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠬᠤ ᠬᠡᠷᠡᠭᠲᠡᠶ᠃ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠵᠢ ᠴᠢᠩᠭ᠋ᠠᠳᠬᠠᠵᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠲᠡᠭᠦᠯᠳᠡᠷᠵᠢᠭᠦᠯᠵᠦ᠂ ᠮᠣᠩᠭᠣᠯ ᠬᠢᠲᠠᠳ ᠡᠮ ᠡᠮᠨᠡᠯᠭᠡ ᠵᠢᠨ ᠦᠢ᠍ᠯᠡᠰ᠎ᠢ ᠶᠡᠬᠡᠪᠡᠷ ᠬᠥᠭᠵᠢᠭᠦᠯᠵᠦ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠠᠷᠠᠳ ᠢᠷᠭᠡᠳ᠎ᠤᠨ ᠪᠡᠶ᠎ᠡ ᠮᠠᠬᠠᠪᠣᠳ ᠵᠢ   ᠴᠢᠬᠢᠷᠠᠭᠵᠢᠭᠤᠯᠵᠤ᠂ ᠰᠠᠭᠤᠭ᠋ᠠᠯᠢ ᠠᠷᠠᠳ᠎ᠤᠨ ᠡᠷᠡᠭᠦᠯ ᠮᠡᠨᠳᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠲᠤᠯᠤᠭ᠎ᠠ᠎ᠳᠤ ᠬᠥᠮᠦᠨ ᠠᠮᠠ ᠵᠢᠨ ᠲᠡᠩᠴᠡᠭᠦᠷᠢᠲᠡᠶ ᠬᠥᠭᠵᠢᠬᠦ ᠵᠢ ᠠᠬᠢᠭᠤᠯᠬᠤ ᠬᠡᠷᠡᠭᠲᠡᠶ᠃ ᠲᠦᠷᠦᠭᠦ ᠨᠠᠰᠤᠨ᠎ᠤ ᠬᠥᠮᠦᠨ ᠠᠮᠠ ᠵᠢᠨ ᠬᠡᠪ ᠪᠣᠯᠪᠠᠰᠤᠷᠠᠯ᠎ᠢ ᠳᠡᠭᠡᠭᠰᠢᠯᠡᠭᠦᠯᠵᠦ᠂ ᠡᠮᠡᠭᠲᠡᠶ᠋ᠢᠴᠦᠳ ᠬᠡᠦᠬᠡᠳ ᠪᠠᠭ᠋ᠠᠴᠤᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠂ ᠵᠡᠮᠳᠡᠭᠴᠦᠳ᠎ᠤᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠥᠮᠦᠨ ᠠᠮᠠ ᠵᠢᠨ ᠨᠠᠰᠤᠵᠢᠯᠲᠠ ᠵᠢ ᠢᠳᠡᠪᠬᠢᠲᠡᠶ᠎ᠪᠠᠷ ᠠᠷᠭ᠋ᠠᠴᠠᠵᠤ᠂ ᠥᠪᠡᠷᠲᠡᠭᠡᠨ ᠵᠠᠰᠠᠬᠤ ᠣᠷᠣᠨ᠎ᠤ ᠴᠢᠨᠡᠭᠡᠯᠢᠭ ᠨᠡᠶ᠋ᠢᠭᠡᠮ᠎ᠢ ᠪᠠᠢ᠌ᠭᠤᠯᠬᠤ᠎ᠳᠤ ᠬᠥᠮᠦᠨ ᠠᠮᠠ ᠵᠢᠨ ᠰᠠᠢ᠍ᠢ᠍ᠨ ᠣᠷᠴᠢᠨ ᠨᠥᠬᠥᠴᠡᠯ᠎ᠢ ᠪᠦᠷᠢᠯᠳᠦᠭᠦᠯᠬᠦ ᠬᠡᠷᠡᠭᠲᠡᠶ ᠭᠡᠵᠡᠢ᠃
     《ᠶᠢᠷᠲᠢᠨᠴᠦ ᠵᠢ ᠵᠠᠰᠠᠬᠤᠶ᠎ᠠ᠎ᠳᠤᠷ᠂ ᠤᠷᠢᠳᠠᠪᠠᠷ ᠭᠣᠣᠯᠴᠢ ᠵᠢ ᠡᠷᠬᠢᠮᠯᠡᠮᠦᠢ᠂ ᠭᠣᠣᠯᠴᠢ ᠪᠣᠯᠪᠠᠰᠤ ᠳᠡᠯᠡᠬᠡᠶ ᠳᠠᠬᠢᠨ᠎ᠢ ᠲᠦᠪᠡᠭᠰᠢᠶᠡᠮᠦᠢ》᠃ ᠪᠢᠳᠡ ᠭᠠᠭᠴᠠ ᠬᠦ᠌ ᠬᠠᠮᠲᠤ᠎ᠪᠠᠷ ᠡᠳ᠋ᠯᠡᠬᠦ ᠬᠥᠭᠵᠢᠯᠲᠡ ᠵᠢ ᠪᠠᠷᠢᠮᠲᠠᠯᠠᠵᠤ᠂ ᠠᠷᠠᠳ ᠲᠦᠮᠡᠨ᠎ᠤ ᠠᠵᠠ ᠵᠢᠷᠭ᠋ᠠᠯ᠎ᠢ ᠲᠠᠰᠤᠷᠠᠯᠳᠡ ᠦᠭᠡᠢ ᠨᠡᠮᠡᠭᠳᠡᠭᠦᠯᠪᠡᠯ᠂ ᠬᠥᠭᠵᠢᠯᠲᠡ ᠰᠠᠶᠢ ᠨᠡᠩ ᠬᠠᠯᠠᠭᠤᠨ ᠳᠤᠯᠠᠭ᠋ᠠᠨ ᠪᠣᠯᠵᠤ᠂ ᠵᠣᠯ ᠵᠢᠷᠭ᠋ᠠᠯ ᠤᠯᠠᠮ ᠰᠡᠳᠬᠢᠯ᠎ᠳᠤ ᠬᠣᠨᠣᠭᠰᠢᠨ᠂ ᠣᠶᠤᠨ᠎ᠢ ᠨᠡᠩ ᠴᠢᠳᠠᠯ ᠵᠶ᠋ᠠᠨ ᠨᠢᠭᠲᠠᠷᠠᠭᠤᠯᠤᠨ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠬᠤ ᠠᠯᠬᠤᠴᠠ ᠵᠢ ᠨᠡᠩ ᠢᠳᠡᠷᠡᠭᠦᠨ᠂ ᠨᠡᠩ ᠬᠦᠴᠦᠲᠡᠶ ᠪᠣᠯᠭ᠋ᠠᠵᠤ ᠴᠢᠳᠠᠨ᠎ᠠ᠃
      ᠬᠥᠲᠥᠯᠥᠭᠴᠢ᠄
     《13 · 5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠣᠭᠲᠠᠭᠤᠨ ᠬᠠᠯᠬᠠᠪᠴᠢ ᠵᠢ ᠪᠠᠲᠤ ᠪᠡᠬᠢ ᠪᠠᠢ᠌ᠭᠤᠯᠬᠤ ᠭᠣᠣᠯ ᠠᠷᠭ᠎ᠠ ᠬᠡᠮᠵᠢᠶ᠎ᠡ᠎ᠨᠢ ᠶᠠᠭᠤ ᠶᠠᠭᠤ ᠪᠠᠶ᠋ᠢᠳᠠᠭ ᠪᠤᠢ?
      ᠸᠠᠩ ᠵᠢᠨ ᠪᠣᠣ᠄
      ᠥᠪᠥᠷ ᠮᠣᠩᠭᠣᠯ᠎ᠤᠨ ᠡᠶ᠎ᠡ ᠵᠣᠬᠢᠴᠠᠯ᠎ᠲᠠᠢ ᠲᠣᠭᠲᠠᠭᠤᠨ ᠪᠠᠶ᠋ᠢᠳᠠᠯ᠎ᠨᠢ ᠤᠯᠤᠰ ᠣᠷᠣᠨ᠎ᠤ ᠠᠮᠤᠷ ᠲᠦᠪᠰᠢᠨ ᠪᠠ ᠲᠣᠭᠲᠠᠭᠤᠨ ᠪᠠᠶ᠋ᠢᠯᠭ᠋ᠠᠬᠤ ᠶᠡᠬᠡ ᠲᠠᠯ᠎ᠠ᠎ᠳᠤ ᠬᠣᠯᠪᠣᠭᠳᠠᠨ᠎ᠠ᠃ ᠭᠠᠵᠠᠷ ᠵᠦᠢ ᠵᠢᠨ ᠪᠠᠶ᠋ᠢᠷᠢ ᠪᠠ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠰᠠᠭᠤᠷᠢ᠎ᠠᠴᠠ ᠠᠪᠴᠤ ᠦᠵᠡᠪᠡᠯ᠂ ᠮᠠᠨ᠎ᠤ ᠣᠷᠣᠨ ᠡᠬᠡ ᠣᠷᠣᠨ᠎ᠤ ᠤᠮᠠᠷᠠᠲᠤ ᠬᠢᠯᠢ᠎ᠳᠤ ᠪᠠᠶ᠋ᠢᠷᠢᠯᠠᠵᠤ᠂ ᠳᠣᠲᠣᠷ᠎ᠠ᠎ᠪᠠᠨ 8 ᠮᠤᠵᠢ ᠣᠷᠣᠨ᠎ᠲᠠᠢ ᠬᠥᠷᠰᠢ ᠵᠡᠷᠭᠡᠯᠡᠳᠡᠭᠡ ᠣᠷᠣᠰᠢᠵᠤ᠂ ᠭᠠᠳᠠᠨ᠎ᠠ᠎ᠪᠠᠨ ᠤᠷᠤᠰ ᠪᠣᠯᠤᠨ ᠮᠣᠩᠭᠣᠯ ᠤᠯᠤᠰ᠎ᠲᠠᠢ ᠬᠥᠷᠰᠢᠯᠳᠦᠵᠦ᠂ ᠬᠢᠯᠢ ᠵᠢᠨ ᠱᠤᠭᠤᠮ ᠤᠷᠳᠤ᠂ ᠪᠣᠭᠣᠮᠲᠠ ᠣᠯᠠᠨ ᠪᠣᠯᠬᠣᠷ᠂ ᠮᠠᠨ᠎ᠤ ᠤᠯᠤᠰ᠎ᠤᠨ ᠤᠮᠠᠷᠠᠰᠢ ᠨᠡᠭᠡᠭᠡᠬᠦ ᠴᠢᠬᠤᠯᠠ ᠴᠣᠩᠬᠣ᠂ ᠡᠭᠡ ᠣᠷᠣᠨ᠎ᠤ ᠤᠮᠠᠷᠠᠲᠤ ᠬᠠᠭ᠋ᠠᠯᠭ᠎ᠠ᠂ ᠨᠡᠶ᠋ᠢᠰᠯᠡᠯ᠎ᠤᠨ ᠬᠣᠲᠠ ᠵᠢᠨ ᠣᠨᠠᠭᠤᠯᠢ ᠭᠣᠣᠯ ᠪᠣᠯᠣᠨ᠎ᠠ᠃ ᠭᠠᠵᠠᠷ ᠣᠷᠣᠨ᠎ᠤ ᠣᠨᠴᠠᠯᠢᠭ᠎ᠠᠴᠠ ᠠᠪᠴᠤ ᠦᠵᠡᠪᠡᠯ᠂ ᠥᠪᠥᠷ ᠮᠣᠩᠭᠣᠯ ᠪᠣᠯ ᠬᠢᠯᠢ ᠬᠢᠵᠠᠭ᠋ᠠᠷ᠎ᠤᠨ ᠦᠨᠳᠦᠰᠦᠲᠡᠨ᠎ᠤ ᠣᠷᠣᠨ ᠮᠥᠨ᠂ ᠮᠠᠨ᠎ᠤ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢ᠌ᠭᠤᠯᠤᠯ᠎ᠤᠨ ᠡᠭᠦᠰᠦᠯᠲᠡ ᠵᠢᠨ ᠣᠷᠣᠨ ᠪᠣᠯᠬᠤ ᠶᠤᠮ᠃ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ᠂ ᠨᠡᠶ᠋ᠢᠭᠡᠮ ᠲᠣᠭᠲᠠᠭᠤᠨ ᠪᠠᠶ᠋ᠢᠬᠤ ᠰᠠᠢ᠍ᠢ᠍ᠨ ᠰᠠᠶ᠋ᠢᠬᠠᠨ ᠪᠠᠶ᠋ᠢᠳᠠᠯ᠎ᠢ ᠪᠤᠢ ᠪᠣᠯᠭ᠋ᠠᠬᠤ᠎ᠨᠢ ᠥᠪᠥᠷ ᠮᠣᠩᠭᠣᠯ᠎ᠤᠨ ᠠᠵᠤ ᠠᠬᠤᠶ ᠨᠡᠶ᠋ᠢᠭᠡᠮ᠎ᠤᠨ ᠴᠢᠨᠠᠷᠯᠢᠭ ᠪᠥᠭᠡᠳ ᠲᠦᠷᠭᠡᠨ ᠬᠥᠭᠵᠢᠯᠲᠡ ᠵᠢ ᠲᠦᠷᠭᠡᠳᠬᠡᠬᠦ᠂ ᠡᠬᠡ ᠤᠯᠤᠰ᠎ᠤᠨ ᠤᠮᠠᠷᠠᠲᠤ ᠬᠢᠯᠢ ᠵᠢᠨ ᠡᠶ᠎ᠡ ᠵᠣᠬᠢᠴᠠᠯ ᠪᠠ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ᠎ᠳᠤ ᠲᠤᠶ᠋ᠢᠯ᠎ᠤᠨ ᠴᠢᠬᠤᠯᠠ ᠪᠠᠶ᠋ᠢᠯᠳᠤᠬᠤ ᠪᠤᠳᠤᠯᠭ᠎ᠠ ᠵᠢᠨ ᠠᠴᠢ ᠬᠣᠯᠪᠣᠭᠳᠠᠯ᠎ᠲᠠᠢ ᠶᠤᠮ᠃
     《ᠬᠦᠲᠦᠯᠪᠦᠷᠢ》᠎ᠳᠤ ᠳᠤᠷᠠᠳᠤᠨ ᠭᠠᠷᠭ᠋ᠠᠭᠰᠠᠨ᠎ᠨᠢ᠂ ᠡᠶ᠎ᠡ ᠵᠣᠬᠢᠴᠠᠯ᠎ᠲᠠᠢ ᠥᠪᠥᠷ ᠮᠣᠩᠭᠣᠯ᠎ᠢ ᠪᠥᠳᠥᠭᠡᠨ ᠪᠠᠶ᠋ᠢᠭᠤᠯᠬᠤ ᠵᠢ ᠲᠦᠯᠬᠢᠨ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠪᠡᠬᠢ ᠪᠠᠢ᠌ᠭᠤᠯᠤᠨ᠎ᠠ᠂ ᠨᠢᠭᠡ᠎ᠳᠤ᠂ ᠬᠠᠤᠯᠢ᠎ᠪᠠᠷ ᠵᠠᠰᠠᠬᠤ ᠥᠪᠥᠷ ᠮᠣᠩᠭᠣᠯ᠎ᠢ ᠪᠠᠢ᠌ᠭᠤᠯᠬᠤ ᠬᠡᠷᠡᠭᠲᠡᠢ᠃ ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ᠂ ᠠᠷᠠᠳᠴᠢᠯᠠᠯ ᠪᠠ ᠬᠠᠤᠯᠢ᠎ᠪᠠᠷ ᠵᠠᠰᠠᠬᠤ ᠨᠡᠶ᠋ᠢᠭᠡᠮ᠎ᠢ ᠪᠦᠲᠦᠭᠡᠨ ᠪᠠᠢ᠌ᠭᠤᠯᠬᠤ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ᠎ᠪᠠᠷ ᠭᠣᠣᠯᠳᠠᠯᠭ᠎ᠠ ᠪᠣᠯᠭ᠋ᠠᠵᠤ᠂ ᠠᠷᠠᠳ ᠲᠦᠮᠡᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠨ᠂ ᠨᠡᠶ᠋ᠢᠭᠡᠮ᠎ᠤᠨ ᠲᠥᠪ ᠭᠣᠣᠯᠴᠢ ᠰᠢᠳᠤᠷᠭᠤ ᠶᠣᠰᠣ ᠵᠢ ᠬᠠᠮᠠᠭ᠋ᠠᠯᠠᠬᠤ᠂ ᠬᠢᠯᠢ ᠬᠢᠵᠠᠭ᠋ᠠᠷ ᠣᠷᠣᠨ᠎ᠤ ᠠᠮᠤᠷ ᠲᠦᠪᠰᠢᠨ ᠪᠠ ᠲᠣᠭᠲᠠᠭᠤᠨ ᠪᠠᠶ᠋ᠢᠳᠠᠯ᠎ᠢ ᠬᠠᠮᠠᠭ᠋ᠠᠯᠠᠵᠤ᠂ ᠬᠠᠤᠯᠢ᠎ᠪᠠᠷ ᠵᠠᠰᠠᠬᠤ ᠥᠪᠥᠷ ᠮᠣᠩᠭᠣᠯ᠎ᠢ ᠪᠥᠳᠥᠭᠡᠨ ᠪᠠᠶ᠋ᠢᠭᠤᠯᠬᠤ ᠶᠠᠪᠤᠴᠠ ᠵᠢ ᠲᠦᠷᠭᠡᠳᠬᠡᠬᠦ ᠬᠡᠷᠡᠭᠲᠡᠢ᠃ ᠬᠣᠶᠠᠷ᠎ᠲᠤ᠂ ᠠᠮᠤᠭᠤᠯᠠᠩ ᠲᠠᠶ᠋ᠢᠪᠤᠩ ᠥᠪᠥᠷ ᠮᠣᠩᠭᠣᠯ᠎ᠢ ᠪᠠᠶ᠋ᠢᠭᠤᠯᠬᠤ ᠬᠡᠷᠡᠭᠲᠡᠶ᠃ ᠤᠮᠠᠷᠠᠲᠤ ᠬᠢᠯᠢ ᠵᠢᠨ ᠠᠮᠤᠷ ᠲᠦᠪᠰᠢᠨ ᠪᠠ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ᠂ ᠨᠡᠶ᠋ᠢᠭᠡᠮ᠎ᠤᠨ ᠠᠮᠤᠷ ᠲᠦᠪᠰᠢᠨ᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠭᠦᠨᠵᠡᠭᠡᠶ ᠲᠦᠯᠬᠢᠨ ᠠᠬᠢᠭᠤᠯᠬᠤ᠂ ᠨᠡᠶ᠋ᠢᠭᠡᠮ᠎ᠤᠨ ᠵᠥᠷᠢᠴᠡᠯ᠎ᠢ ᠵᠢᠭᠰᠠᠭ᠋ᠠᠨ ᠪᠠᠶ᠋ᠢᠴᠠᠭ᠋ᠠᠵᠤ ᠨᠠᠮᠳᠠᠭᠤᠯᠬᠤ ᠲᠣᠭᠲᠠᠴᠠ ᠵᠢ ᠲᠡᠭᠦᠯᠳᠡᠷᠵᠢᠭᠦᠯᠬᠦ᠂ ᠤᠯᠠᠨ ᠨᠡᠶ᠋ᠢᠲᠡ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠂ ᠦᠨᠳᠦᠰᠦᠲᠡᠨ᠎ᠤ ᠪᠦᠯᠬᠦᠮᠳᠡᠯ᠎ᠢ ᠪᠡᠬᠢᠵᠢᠭᠦᠯᠦᠨ ᠴᠢᠩᠭ᠋ᠠᠳᠬᠠᠬᠤ᠎ᠪᠠᠷ ᠭᠣᠣᠯᠳᠠᠯᠭ᠎ᠠ ᠪᠣᠯᠭ᠋ᠠᠵᠤ᠂ ᠪᠦᠬᠦ ᠠᠷᠠᠳ᠎ᠤᠨ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠨᠡᠶ᠋ᠢᠭᠡᠮ᠎ᠤᠨ ᠵᠠᠰᠠᠯᠲᠠ ᠵᠢᠨ ᠪᠠᠶ᠋ᠢᠷᠢᠰᠢᠯ᠎ᠢ ᠪᠠᠶ᠋ᠢᠭᠤᠯᠵᠤ᠂ ᠠᠮᠤᠭᠤᠯᠠᠩ ᠲᠠᠶ᠋ᠢᠪᠤᠩ ᠥᠪᠥᠷ ᠮᠣᠩᠭᠣᠯ᠎ᠤᠨ ᠪᠦᠳᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃
      ᠬᠥᠲᠥᠯᠥᠭᠴᠢ᠄
     《ᠬᠦᠲᠦᠯᠪᠦᠷᠢ》᠎ᠳᠤ ᠲᠣᠭᠲᠠᠭ᠋ᠠᠭᠰᠠᠨ ᠬᠠᠷᠠᠯᠲᠠ ᠵᠢᠨ ᠡᠭᠦᠷᠭᠡ ᠵᠢ ᠶᠠᠭ᠋ᠠᠬᠢᠪᠠᠯ ᠰᠠᠶᠢ ᠪᠣᠳᠠᠲᠠᠶ᠎ᠪᠠᠷ ᠨᠠᠶ᠋ᠢᠳᠠᠪᠤᠷᠢᠵᠢᠭᠤᠯᠬᠤ ᠪᠤᠢ?
      ᠸᠠᠩ ᠵᠢᠨ ᠪᠣᠣ᠄
      ᠲᠥᠷᠥ ᠪᠠᠷᠢᠬᠤ ᠵᠢᠨ ᠶᠣᠰᠣ ᠬᠡᠮᠡᠪᠡᠰᠦ᠂ ᠤᠬᠠᠭ᠋ᠠᠨ ᠦᠭᠡᠢ᠎ᠠᠴᠠ ᠵᠣᠪᠠᠨ᠎ᠠ᠂ ᠰᠠᠢ᠌ᠨ ᠤᠬᠠᠭ᠋ᠠᠨ ᠪᠠᠢ᠌ᠭ᠋ᠠᠳ ᠨᠠᠢ᠌ᠳᠠᠪᠤᠷᠢᠵᠢᠭᠤᠯᠵᠤ ᠴᠢᠳᠠᠬᠤ ᠦᠭᠡᠢ᠎ᠠᠴᠠ ᠨᠡᠩ ᠵᠣᠪᠠᠨᠢᠨ᠎ᠠ᠃ ᠥᠪᠡᠷᠲᠡᠭᠡᠨ ᠵᠠᠰᠠᠬᠤ ᠣᠷᠣᠨ᠎ᠤ 《13 · 5》 ᠵᠢᠨ ᠲᠥᠯᠥᠪᠵᠢᠭᠦᠯᠭᠡ ᠵᠢᠨ 《ᠬᠦᠲᠦᠯᠪᠦᠷᠢ》᠎ᠳᠤ ᠮᠠᠨ᠎ᠤ ᠣᠷᠣᠨ᠎ᠤ ᠬᠣᠶ᠋ᠢᠰᠢᠳᠠ ᠵᠢᠨ ᠲᠠᠪᠤᠨ ᠵᠢᠯ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠵᠢᠯᠣᠭᠣᠳᠬᠤ ᠦᠵᠡᠯ ᠰᠠᠨᠠᠭ᠎ᠠ᠂ ᠬᠠᠷᠠᠯᠲᠠ ᠵᠢᠨ ᠡᠭᠦᠷᠭᠡ᠂ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ᠂ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠳᠤᠷᠠᠳᠴᠤ᠂ ᠪᠦᠬᠦ ᠣᠷᠣᠨ᠎ᠤ 2500 ᠲᠦᠮᠡᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠵᠣᠯ ᠵᠢᠷᠭ᠋ᠠᠯᠲᠤ ᠠᠮᠢᠳᠤᠷᠠᠯ᠎ᠤᠨ ᠬᠦᠰᠡᠯ᠎ᠢ ᠠᠴᠢᠶᠠᠯᠠᠭᠰᠠᠨ ᠪᠣᠯᠬᠣᠷ᠂ ᠮᠠᠨ᠎ᠤ ᠣᠷᠣᠨ᠎ᠤ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠢ᠌ᠭᠤᠯᠬᠤ᠂ ᠨᠢᠭᠡᠳᠦᠭᠡᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠵᠢ ᠪᠡᠶᠡᠯᠡᠭᠦᠯᠬᠦ ᠠᠵᠢᠯᠯᠠᠭ᠋ᠠᠨ᠎ᠤ ᠬᠥᠲᠥᠯᠪᠦᠷᠢ   ᠪᠣᠯᠣᠨ ᠵᠠᠮ ᠱᠤᠭᠤᠮ ᠮᠥᠨ᠃ ᠥᠪᠡᠷᠲᠡᠭᠡᠨ ᠵᠠᠰᠠᠬᠤ ᠣᠷᠣᠨ᠎ᠤ 《13 · 5》 ᠵᠢᠨ ᠲᠥᠯᠥᠪᠵᠢᠭᠦᠯᠭᠡ ᠵᠢᠷᠤᠭ ᠲᠥᠯᠥᠪ᠎ᠲᠠᠢ ᠪᠣᠯᠤᠯ᠎ᠠ᠂ ᠣᠳᠣᠬᠠᠨ᠎ᠤ ᠵᠠᠩᠭᠢᠯᠠᠭ᠎ᠠ ᠪᠣᠯ ᠲᠡᠭᠦᠨ ᠵᠶ᠋ᠠᠨ ᠠᠯᠬᠤᠮ ᠠᠯᠬᠤᠮ ᠵᠶ᠋ᠠᠷ ᠪᠤᠲᠠᠲᠠᠢ᠌ᠵᠢᠭᠤᠯᠬᠤ ᠶᠠᠪᠤᠳᠠᠯ ᠪᠣᠯᠤᠨ᠎ᠠ᠃ 《ᠬᠦᠲᠦᠯᠪᠦᠷᠢ》᠎ᠳᠤ ᠳᠤᠷᠠᠳᠤᠨ ᠭᠠᠷᠭ᠋ᠠᠭᠰᠠᠨ᠎ᠨᠢ᠂ ᠲᠥᠯᠥᠪᠵᠢᠭᠦᠯᠭᠡ ᠵᠢᠨ ᠤᠷᠤᠭᠰᠢᠲᠠᠶ ᠬᠡᠷᠡᠭᠵᠢᠭᠦᠯᠦᠭᠳᠡᠬᠦ ᠵᠢ ᠦᠨᠡᠨᠬᠦ ᠪᠠᠲᠤᠯᠠᠬᠤ ᠬᠡᠷᠡᠭᠲᠡᠶ᠂ ᠨᠢᠭᠡ᠎ᠳᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠬᠤ ᠬᠡᠷᠡᠭᠲᠡᠶ᠃ ᠨᠠᠮ᠎ᠤᠨ ᠰᠢᠢ᠍ᠳᠪᠦᠷᠢᠲᠦ ᠪᠤᠳᠤᠯᠭ᠎ᠠ ᠵᠢ ᠲᠤᠤᠱᠯᠠᠭᠤᠯᠵᠤ᠂ ᠰᠢᠯᠢᠳᠡᠭ ᠰᠤᠷᠲᠠᠯ᠎ᠢ ᠪᠤᠢ ᠪᠣᠯᠭ᠋ᠠᠵᠤ᠂ ᠲᠥᠪ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠡᠯ᠎ᠡ ᠵᠦᠢ᠍ᠯ᠎ᠤᠨ ᠪᠠᠶ᠋ᠢᠯᠳᠤᠬᠤ ᠪᠤᠳᠤᠯᠭ᠎ᠠ ᠵᠢᠨ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠪᠠ ᠬᠣᠷᠸ᠎ᠠ ᠲᠤᠬᠢᠷᠠᠭᠤᠯᠤᠯ ᠡᠵᠡᠮᠳᠡᠯ᠎ᠤᠨ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠵᠤ᠂ ᠨᠢᠭᠡᠨ ᠤᠯᠤᠰ ᠲᠤᠢ᠍ᠷᠦ ᠵᠢᠨ ᠲᠠᠯ᠎ᠠ᠎ᠪᠠᠷ ᠡᠷᠡᠰ ᠴᠢᠩᠭ᠎ᠠ᠂ ᠲᠤᠰᠬᠠᠶ ᠮᠡᠷᠭᠡᠵᠢᠯ᠎ᠢ ᠣᠶ᠋ᠢᠯᠠᠭ᠋ᠠᠬᠤ᠂ ᠰᠠᠢ᠍ᠢ᠍ᠨ ᠵᠠᠰᠠᠵᠤ ᠴᠢᠳᠠᠬᠤ᠂ ᠵᠣᠷᠢᠭᠲᠠᠶ᠎ᠪᠠᠷ ᠡᠭᠦᠷᠭᠡᠯᠡᠬᠦ᠂ ᠣᠪᠣᠷ ᠰᠤᠷᠲᠠᠯ ᠲᠥᠪ ᠴᠢᠬᠡᠴᠢ ᠤᠳᠤᠷᠢᠳᠬᠤ ᠪᠠᠭ ᠪᠠ ᠺᠠᠳ᠋ᠷ᠎ᠤᠨ ᠡᠩᠨᠡᠭᠡ ᠵᠢ ᠪᠠᠢ᠌ᠭᠤᠯᠬᠤ ᠬᠡᠷᠡᠭᠲᠡᠢ᠃ ᠬᠣᠶᠠᠷ᠎ᠲᠤ ᠲᠥᠯᠥᠪᠵᠢᠭᠦᠯᠭᠡ ᠵᠢ ᠬᠡᠷᠡᠭᠵᠢᠭᠦᠯᠬᠦ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ᠃ ᠲᠥᠯᠥᠪᠵᠢᠭᠦᠯᠭᠡ ᠵᠢ ᠬᠡᠷᠡᠭᠵᠢᠭᠦᠯᠬᠦ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠲᠥᠯᠥᠪᠵᠢᠭᠦᠯᠭᠡ ᠵᠢ ᠵᠣᠯᠭ᠋ᠠᠭᠤᠯᠬᠤ ᠬᠠᠮᠢᠶᠠᠷᠤᠯᠲᠠ ᠵᠢ ᠰᠠᠶ᠋ᠢᠲᠤᠷ ᠬᠢᠵᠦ᠂ ᠲᠥᠯᠥᠪᠵᠢᠭᠦᠯᠭᠡ ᠵᠢᠨ ᠡᠷᠬᠡ ᠰᠦᠷᠲᠦ ᠴᠢᠨᠠᠷ᠂ ᠵᠢᠯᠣᠭᠣᠳᠬᠤ ᠴᠢᠨᠠᠷ ᠪᠠ ᠬᠡᠷᠡᠭᠵᠢᠭᠦᠯᠵᠦ ᠪᠣᠯᠬᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃ ᠭᠤᠷᠪᠠ᠎ᠳᠤ᠂ ᠲᠥᠯᠥᠪᠵᠢᠭᠦᠯᠭᠡ ᠵᠢ ᠦᠨᠡᠯᠡᠨ ᠵᠢᠱ᠌ᠢᠵᠦ ᠬᠢᠨᠠᠯᠲᠠ ᠲᠠᠯᠪᠢᠬᠤ ᠵᠢ ᠴᠢᠩᠭ᠋ᠠᠳᠬᠠᠬᠤ ᠬᠡᠷᠡᠭᠲᠡᠶ᠃ ᠲᠥᠯᠥᠪᠵᠢᠭᠦᠯᠭᠡ᠎ᠳᠤ ᠬᠢᠨᠠᠯᠲᠠ ᠲᠠᠯᠪᠢᠵᠤ ᠦᠨᠡᠯᠡᠨ ᠵᠢᠱ᠌ᠢᠬᠦ ᠵᠢ ᠲᠡᠭᠦᠯᠳᠡᠷᠵᠢᠭᠦᠯᠵᠦ᠂ ᠲᠥᠯᠥᠪᠵᠢᠭᠦᠯᠭᠡ ᠵᠢ ᠰᠢᠯᠭ᠋ᠠᠨ ᠬᠢᠨᠠᠬᠤ ᠵᠢ ᠴᠢᠩᠭ᠋ᠠᠳᠬᠠᠵᠤ᠂ ᠲᠥᠯᠥᠪᠵᠢᠭᠦᠯᠭᠡ ᠵᠢ ᠬᠡᠷᠡᠭᠵᠢᠭᠦᠯᠬᠦ ᠵᠢ ᠬᠠᠮᠲᠤᠪᠠᠷ ᠲᠦᠯᠬᠢᠨ ᠠᠬᠢᠭᠤᠯᠬᠤ ᠬᠦᠴᠦᠷᠬᠡᠭ ᠶᠡᠬᠡ ᠨᠡᠶ᠋ᠢᠯᠡᠮᠡᠯ ᠬᠦᠴᠦᠨ᠎ᠢ ᠪᠦᠷᠢᠯᠳᠦᠭᠦᠯᠬᠦ ᠬᠡᠷᠡᠭᠲᠡᠶ ᠭᠡᠵᠡᠢ᠃
      ᠬᠥᠲᠥᠯᠥᠭᠴᠢ᠄
      ᠸᠠᠩ ᠡᠷᠬᠢᠯᠡᠭᠴᠢ ᠵᠢᠨ 《13 · 5》 ᠵᠢᠨ ᠲᠥᠯᠥᠪᠵᠢᠭᠦᠯᠭᠡ ᠵᠢᠨ ᠲᠤᠬᠠᠢ ᠭᠣᠶ᠋ᠢᠳᠠ ᠰᠠᠶ᠋ᠢᠬᠠᠨ ᠲᠠᠶ᠋ᠢᠯᠤᠮᠵᠢ ᠬᠢᠭᠰᠡᠨ᠎ᠳᠤ ᠲᠠᠯᠠᠷᠬᠠᠯ᠎ᠠ! ᠰᠦᠯᠵᠢᠶᠡᠨ ᠠᠨᠳᠠ ᠨᠠᠷ᠂ ᠥᠨᠥᠳᠦᠷ᠎ᠤᠨ ᠰᠤᠷᠪᠤᠯᠵᠢᠯᠠᠭ᠎ᠠ ᠡᠨᠳᠡ ᠬᠦᠷᠦᠭᠡᠳ ᠲᠡᠭᠦᠰᠦᠯ᠎ᠡ᠂ ᠪᠠᠶᠠᠷᠲᠠᠶ!  

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠳᠡᠭᠡᠳᠦ ᠬᠤᠷᠲᠤ ᠵᠢᠨ ᠥᠷᠭᠡᠨ ᠪᠦᠰᠡᠲᠦ ᠰᠦᠯᠵᠢᠶᠡᠨ᠎ᠤ ᠪᠠᠶ᠋ᠢᠭᠤᠯᠤᠯᠲᠠ ᠵᠢ ᠲᠦᠷᠭᠡᠳᠬᠡᠵᠦ᠂ ᠮᠠᠨ᠎ᠤ ᠣᠷᠣᠨ᠎ᠤ ᠮᠡᠳᠡᠭᠡ ᠵᠠᠩᠭᠢᠵᠢᠯᠲᠠ ᠵᠢᠨ ᠬᠢᠷᠢ ᠬᠡᠮᠵᠢᠶ᠎ᠡ ᠵᠢ ᠦᠨᠡᠨ ᠬᠦ᠌ ᠳᠡᠭᠡᠭᠰᠢᠯᠡᠭᠦᠯᠦᠶ᠎ᠡ
ᠮᠠᠨ᠎ᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠬᠦᠳᠦᠯᠲᠡ
ᠥᠪᠡᠷᠲᠡᠭᠡᠨ ᠵᠠᠰᠠᠬᠤ ᠣᠷᠣᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ᠎ᠤᠨ ᠪᠠᠶ᠋ᠢᠭᠤᠯᠤᠯᠲᠠ ᠵᠢᠨ ᠪᠠᠶ᠋ᠢᠳᠠᠯ᠎ᠤᠨ ᠲᠠᠶ᠋ᠢᠯᠤᠮᠵᠢ
ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠬᠥᠳᠡᠭᠡ ᠲᠣᠰᠬᠣᠨ᠎ᠤ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠲᠦᠷᠭᠡᠨ ᠬᠦᠭᠵᠢᠯᠲᠡ ᠵᠢ ᠠᠬᠢᠭᠤᠯᠬᠤ ᠲᠣᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》᠎ᠤᠨ ᠲᠠᠢ᠌ᠯᠦᠮᠵᠢ
 
            