ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠠᠵᠢᠯ ᠣᠯᠭᠣᠬᠣ ᠪᠠ ᠠᠳᠠᠯ ᠦᠢ᠍ᠯᠡᠰ ᠴᠣᠭᠴᠠᠯᠠᠬᠤ ᠵᠢ ᠠᠬᠢᠭᠤᠯᠤᠨ ᠠᠷᠠᠳ᠎ᠤᠨ ᠠᠮᠢᠳᠤᠷᠠᠯ᠎ᠢ ᠪᠠᠲᠤᠯᠠᠬᠤ᠎ᠳᠤ ᠦᠢ᠍ᠯᠡᠴᠢᠯᠡᠶ᠎ᠡ
ᠨᠡᠶ᠋ᠢᠲᠡᠯᠡᠭᠰᠡᠨ ᠴᠠᠭ᠄ 2016-05-11

      ᠰᠤᠷᠪᠤᠯᠵᠢᠯᠠᠭᠰᠠᠨ ᠴᠠᠭ᠄

     2016 ᠣᠨ᠎ᠤ 5 ᠳ᠋ᠤᠭ᠋ᠠᠷ ᠰᠠᠷ᠎ᠠ ᠵᠢᠨ 9᠎ᠤ ᠡᠳᠦᠷ᠎ᠤᠨ ᠦᠳᠡ ᠵᠢᠨ ᠬᠣᠢ᠌ᠨᠠᠬᠢ 3 ᠴᠠᠭ᠎ᠲᠤ
      ᠰᠤᠷᠪᠤᠯᠵᠢᠯᠠᠭᠰᠠᠨ ᠵᠣᠴᠢᠨ᠄

      ᠦᠪᠡᠷᠲᠡᠭᠡᠨ ᠵᠠᠰᠠᠬᠤ ᠤᠷᠤᠨ᠎ᠤ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠳᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠣᠪᠴᠢᠶᠠᠨ ᠳᠠᠷᠤᠭ᠎ᠠ     ᠸᠠᠩ ᠶᠢᠥ ᠬᠤᠩ
      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄  
      ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠦᠨᠳᠦᠰᠦ ᠮᠥᠨ᠂ ᠠᠷᠠᠳ᠎ᠤᠨ ᠠᠮᠢᠳᠤᠷᠠᠯ᠎ᠢ ᠪᠠᠲᠤᠯᠠᠬᠤ ᠵᠢᠨ ᠲᠡᠷᠢᠭᠦᠨ ᠶᠡᠬᠡ ᠶᠠᠪᠤᠳᠠᠯ ᠪᠣᠯ ᠳᠠᠷᠤᠶ ᠠᠵᠢᠯ ᠣᠯᠭᠣᠯᠲᠠ ᠵᠢ ᠪᠠᠲᠤᠯᠠᠬᠤ ᠶᠡᠬᠡ ᠶᠠᠪᠤᠳᠠᠯ ᠪᠣᠯᠤᠨ᠎ᠠ᠃ ᠡᠨᠡ ᠵᠢᠯ ᠪᠣᠯ 《13 · 5》 ᠵᠢᠨ ᠲᠥᠯᠥᠪᠵᠢᠭᠦᠯᠭᠡ ᠵᠢ ᠬᠡᠷᠡᠭᠵᠢᠭᠦᠯᠬᠦ ᠡᠬᠢᠡ᠎ᠤ ᠵᠢᠯ ᠮᠦᠨ᠂ ᠮᠠᠨ᠎ᠤ ᠣᠷᠣᠨ ᠠᠵᠢᠯ ᠣᠯᠭᠣᠬᠣ ᠪᠠ ᠠᠳᠠᠯ ᠦᠢ᠍ᠯᠡᠰ ᠴᠣᠭᠴᠠᠯᠠᠬᠤ ᠠᠵᠢᠯ᠎ᠢ ᠪᠦᠬᠦ ᠲᠠᠯ᠎ᠠ᠎ᠪᠠᠷ ᠪᠠᠢ᠌ᠷᠢᠯᠠᠭᠤᠯᠪᠠ᠂ ᠮᠠᠨ᠎ᠤ ᠣᠷᠣᠨ᠎ᠤ ᠠᠵᠢᠯ ᠣᠯᠭᠣᠬᠤ ᠪᠠ ᠠᠳᠠᠯ ᠦᠢ᠍ᠯᠡᠰ ᠴᠣᠭᠴᠠᠯᠠᠬᠤ ᠠᠵᠢᠯ᠎ᠤᠨ ᠪᠠᠶ᠋ᠢᠳᠠᠯ᠎ᠢ ᠨᠠᠷᠢᠨ ᠤᠢ᠌ᠯᠭ᠋ᠠᠬᠤ ᠵᠢᠨ ᠲᠤᠰᠠᠳᠠ᠂ ᠤᠢ᠌ᠷ᠎ᠠ ᠵᠢᠨ ᠡᠳᠦᠷ ᠪᠢᠳᠡ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠣᠪᠴᠢᠶᠠᠨ ᠳᠠᠷᠤᠭ᠎ᠠ ᠸᠠᠩ ᠶᠢᠦ ᠬᠤᠩ᠎ᠢ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ᠎ᠳᠤ ᠤᠷᠢᠵᠤ ᠳᠠᠶᠠᠭ᠋ᠠᠷ᠎ᠲᠠᠢ ᠵᠣᠭᠤᠭᠳᠠᠭᠤᠯᠬᠤ᠎ᠪᠠᠷ ᠪᠣᠯᠪᠠ᠃ ᠥᠷᠭᠡᠨ ᠣᠯᠠᠨ ᠰᠦᠯᠵᠢᠶᠡᠨ ᠠᠨᠳᠠ ᠨᠠᠷ ᠲᠤᠬᠠᠢ ᠵᠢᠨ ᠴᠠᠭ᠎ᠲᠤᠨᠢ ᠢᠳᠡᠪᠬᠢᠲᠡᠶ ᠣᠷᠤᠯᠴᠠᠬᠤ ᠵᠢ ᠤᠭᠲᠤᠵᠤ ᠪᠠᠢ᠌ᠨ᠎ᠠ!
      ᠬᠥᠲᠥᠯᠥᠭᠴᠢ᠄  
      ᠰᠦᠯᠵᠢᠶᠡᠨ ᠠᠨᠳᠠ ᠨᠠᠷ ᠰᠠᠢ᠍ᠢ᠍ᠨ ᠪᠠᠢ᠌ᠵᠠᠭ᠋ᠠᠨ᠎ᠠ ᠦᠦ! ᠲᠠ ᠪᠦᠬᠦᠨ ᠲᠣᠰ ᠬᠤᠭᠤᠴᠠᠭ᠎ᠠ ᠵᠢᠨ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢᠨ ᠪᠣᠯᠤᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳ᠋ᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠣᠪᠴᠢᠶᠠᠨ ᠳᠠᠷᠤᠭ᠎ᠠ ᠸᠠᠩ ᠶᠢᠤ ᠬᠣᠩ᠎ᠢ ᠤᠷᠢᠵᠤ ᠲᠠ ᠣᠯᠠᠨ᠎ᠲᠠᠢ ᠠᠵᠢᠯ ᠣᠯᠭᠣᠬᠤ ᠪᠠ ᠠᠳᠠᠯ ᠦᠢ᠍ᠯᠡᠰ ᠴᠣᠭᠴᠠᠯᠠᠬᠤ ᠵᠢ ᠠᠬᠢᠭᠤᠯᠬᠤ ᠲᠤᠬᠠᠢ ᠰᠦᠯᠵᠢᠶᠡᠨ ᠳᠡᠭᠡᠷ᠎ᠡ ᠰᠠᠨᠠᠯ ᠵᠶ᠋ᠠᠨ ᠰᠣᠯᠢᠯᠴᠠᠬᠤ ᠪᠦᠭᠡᠳ ᠰᠦᠯᠵᠢᠶᠡᠨ᠎ᠤ ᠠᠨᠳᠠ ᠨᠠᠷ᠎ᠤᠨ ᠠᠰᠠᠭᠤᠳᠠᠯ᠎ᠢ ᠬᠠᠷᠢᠭᠤᠯᠬᠤ᠎ᠪᠠᠷ ᠪᠣᠯᠪᠠ᠃ ᠸᠠᠩ ᠲᠣᠪᠴᠢᠶᠠᠨ ᠳᠠᠷᠤᠭ᠎ᠠ ᠰᠠᠢ᠌ᠨ ᠦᠦ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
      ᠸᠠᠩ ᠶᠢᠦ ᠬᠤᠩ᠄
      ᠬᠥᠲᠥᠯᠥᠭᠴᠢ ᠰᠠᠢ᠍ᠢ᠍ᠨ ᠦᠦ᠂ ᠰᠦᠯᠵᠢᠶᠡᠨ᠎ᠤ ᠠᠨᠳᠠ ᠨᠠᠷ ᠲᠠ ᠪᠦᠬᠦᠨ ᠰᠠᠢ᠌ᠨ ᠦᠦ! ᠡᠨᠳᠡ ᠲᠠ ᠣᠯᠠᠨ᠎ᠲᠠᠢ ᠰᠠᠨᠠᠯ ᠵᠶ᠋ᠠᠨ ᠰᠣᠯᠢᠯᠴᠠᠬᠤ ᠪᠣᠯᠤᠭᠰᠠᠨ᠎ᠳᠠᠭᠠᠨ ᠲᠤᠩ ᠪᠠᠶᠠᠷᠯᠠᠵᠤ ᠪᠠᠢ᠌ᠨ᠎ᠠ᠃ ᠡᠨᠡ ᠲᠣᠬᠢᠶᠠᠯ᠎ᠢ ᠠᠰᠢᠭᠯᠠᠨ᠂ ᠪᠢ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠣᠪᠴᠢᠶ᠎ᠠ ᠵᠢᠨ ᠡᠮᠦᠨ᠎ᠡ᠎ᠠᠴᠠ ᠠᠵᠢᠯ ᠣᠯᠭᠣᠬᠣ ᠪᠠ ᠠᠳᠠᠯ ᠦᠢ᠍ᠯᠡᠰ ᠴᠣᠭᠴᠠᠯᠠᠬᠤ ᠠᠵᠢᠯ᠎ᠢ ᠬᠠᠯᠠᠮᠵᠢᠯᠠᠵᠤ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ᠎ᠤ ᠠᠨᠳᠠ ᠨᠠᠷ᠎ᠲᠠᠭᠠᠨ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠵᠦ

ᠪᠠᠶ᠋ᠢᠨ᠎ᠠ᠃
      ᠬᠥᠲᠥᠯᠥᠭᠴᠢ᠄
      ᠸᠠᠩ ᠲᠣᠪᠴᠢᠶᠠᠨ ᠳᠠᠷᠤᠭ᠎ᠠ ᠡ᠂ ᠡᠨᠡ ᠵᠢᠯ ᠪᠣᠯ 《13 · 5》 ᠵᠢᠨ ᠲᠥᠯᠥᠪᠵᠢᠭᠦᠯᠭᠡ ᠵᠢ ᠬᠡᠷᠡᠭᠵᠢᠭᠦᠯᠬᠦ ᠡᠬᠢᠨ᠎ᠤ ᠵᠢᠯ ᠮᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠶᠢᠰᠦᠳᠦᠭᠡᠷ ᠬᠤᠭᠤᠴᠠᠭ᠋ᠠᠨ᠎ᠤ ᠠᠷᠪᠠᠨ ᠳᠥᠷᠪᠡᠳᠦᠭᠡᠷ ᠤᠳᠠᠭ᠋ᠠᠨ᠎ᠤ ᠪᠦᠬᠦ ᠭᠡᠰᠢᠭᠦᠳ᠎ᠤᠨ ᠬᠤᠷᠠᠯ ᠪᠠ ᠪᠥᠬᠥ ᠣᠷᠣᠨ᠎ᠤ ᠠᠵᠤ ᠠᠬᠤᠶ ᠵᠢᠨ ᠠᠵᠢᠯ᠎ᠤᠨ ᠬᠤᠷᠠᠯ᠎ᠠᠴᠠ ᠠᠵᠢᠯ ᠣᠯᠭᠣᠬᠤ ᠪᠠ ᠠᠳᠠᠯ ᠦᠢ᠍ᠯᠡᠰ ᠴᠣᠭᠴᠠᠯᠠᠬᠤ ᠠᠵᠢᠯ᠎ᠢ ᠪᠦᠬᠦ ᠲᠠᠯ᠎ᠠ᠎ᠪᠠᠷ ᠪᠠᠢ᠌ᠷᠢᠯᠠᠭᠤᠯᠪᠠ᠂ ᠲᠠ ᠡᠨᠡ ᠵᠢᠯ ᠪᠦᠬᠦ ᠣᠷᠣᠨ᠎ᠤ ᠠᠵᠢᠯ ᠣᠯᠭᠣᠯᠲᠠ ᠵᠢᠨ ᠠᠵᠢᠯ᠎ᠤᠨ ᠲᠤᠬᠠᠢ ᠶᠠᠮᠠᠷ ᠶᠠᠮᠠᠷ ᠭᠣᠣᠯᠳᠠᠯᠭ᠎ᠠ᠎ᠲᠠᠢ ᠠᠵᠢᠯ᠎ᠤᠨ ᠬᠠᠷᠠᠯᠲᠤ ᠡᠭᠦᠷᠭᠡ ᠲᠣᠭᠲᠠᠭ᠋ᠠᠭᠰᠠᠨ᠎ᠢ ᠪᠢᠳᠡᠨ᠎ᠳᠤ ᠶᠠᠷᠢᠭ᠋ᠠᠳ ᠦᠭᠭᠦᠨ᠎ᠡ ᠦᠦ?

      ᠸᠠᠩ ᠶᠢᠦ ᠬᠤᠩ᠄
      ᠵᠠ ᠲᠡᠭᠡᠶ᠎ᠡ᠃ ᠡᠨᠡ ᠵᠢᠯ ᠪᠣᠯ  《13 · 5》 ᠵᠢᠨ ᠲᠥᠯᠥᠪᠵᠢᠭᠦᠯᠭᠡ ᠵᠢᠨ ᠡᠬᠢᠯᠡᠯᠲᠡ ᠵᠢᠨ ᠵᠢᠯ

ᠮᠦᠨ᠂ ᠪᠠᠰᠠᠴᠦ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠠᠵᠢᠯ᠎ᠤᠨ ᠰᠢᠪᠲᠤᠯᠤᠯᠲᠠ ᠵᠢᠨ ᠵᠢᠯ ᠮᠥᠨ᠂ ᠪᠥᠬᠥ ᠣᠷᠣᠨ᠎ᠤ ᠠᠵᠢᠯ ᠣᠯᠭᠣᠯᠲᠠ ᠵᠢᠨ ᠠᠵᠢᠯ᠎ᠨᠢ ᠲᠣᠭᠲᠠᠭᠤᠨ ᠪᠠᠢ᠌ᠯᠭ᠋ᠠᠬᠤ ᠵᠢᠨ ᠵᠡᠷᠭᠡᠪᠡᠷ ᠤᠷᠤᠭᠰᠢᠯᠠᠬᠤ ᠶᠡᠷᠦᠩᠬᠡᠶ ᠬᠦᠭ ᠠᠶᠠᠰ ᠵᠶ᠋ᠠᠨ ᠪᠠᠷᠢᠮᠲᠠᠯᠠᠵᠤ᠂ ᠪᠥᠬᠥ ᠣᠷᠣᠨ᠎ᠤ ᠠᠵᠢᠯ ᠣᠯᠭᠣᠯᠲᠠ ᠵᠢᠨ ᠪᠠᠶ᠋ᠢᠳᠠᠯ ᠦᠷᠭᠦᠯᠵᠢᠯᠡᠨ ᠦᠨᠳᠦᠰᠦᠨ᠎ᠳᠡᠭᠡᠨ ᠲᠣᠭᠲᠠᠭᠤᠨ ᠪᠠᠶ᠋ᠢᠯᠭ᠋ᠠᠬᠤ ᠵᠢ ᠦᠨᠡᠨᠬᠦ ᠪᠠᠲᠤᠯᠠᠨ᠎ᠠ᠃ ᠪᠥᠬᠥ ᠣᠷᠣᠨ᠎ᠤ ᠬᠣᠲᠠ ᠪᠠᠯᠭ᠋ᠠᠰᠤᠨ᠎ᠳᠤ ᠰᠢᠨ᠎ᠡ᠎ᠪᠠᠷ 26 ᠲᠦᠮᠡᠨ ᠬᠥᠮᠦᠨ᠎ᠳᠤ ᠠᠵᠢᠯ ᠣᠯᠭᠣᠬᠣ᠂ 5 ᠲᠦᠮᠡᠨ ᠠᠵᠢᠯ ᠠᠯᠳᠠᠭᠰᠠᠳ᠎ᠲᠤ ᠲᠠᠬᠢᠨ ᠠᠵᠢᠯ ᠣᠯᠭᠣᠬᠣ᠂ 5 ᠲᠦᠮᠡᠨ ᠠᠵᠢᠯ ᠤᠯᠬᠤ᠎ᠳᠤ ᠬᠦᠴᠢᠷᠲᠡᠶ ᠬᠥᠮᠦᠰ᠎ᠲᠤ ᠠᠵᠢᠯ ᠣᠯᠭᠣᠬᠣ ᠵᠢ ᠪᠡᠶᠡᠯᠡᠭᠦᠯᠦᠨ᠂ ᠬᠤᠳᠠ ᠪᠠᠯᠭ᠋ᠠᠰᠤᠨ᠎ᠤ ᠳᠠᠩᠰᠠᠯᠠᠭᠤᠯᠤᠭᠰᠠᠨ ᠠᠵᠢᠯ ᠠᠯᠳᠠᠯᠲᠠ ᠵᠢᠨ ᠨᠤᠷᠮ᠎ᠠ ᠵᠢ 4.0% ᠳᠣᠲᠣᠷ᠎ᠠ ᠬᠢᠵᠠᠭ᠋ᠠᠷᠯᠠᠨ᠎ᠠ᠃ ᠮᠠᠯᠵᠢᠬᠤ ᠲᠠᠷᠢᠶᠠᠯᠠᠬᠤ ᠣᠷᠣᠨ᠎ᠤ 245 ᠲᠦᠮᠡᠨ ᠬᠥᠳᠡᠯᠮᠦᠷᠢ ᠵᠢᠨ ᠬᠦᠴᠦᠨ᠎ᠢ ᠰᠢᠯᠵᠢᠭᠦᠯᠦᠨ ᠠᠵᠢᠯ ᠣᠯᠭᠣᠵᠣ᠂ ᠡᠭᠦᠨ᠎ᠳᠤ 6 ᠰᠠᠷ᠎ᠠ᠎ᠠᠴᠠ ᠳᠡᠭᠡᠭᠰᠢ ᠠᠵᠢᠯ ᠣᠯᠭᠣᠭᠰᠠᠨ ᠬᠦᠮᠦᠨ᠎ᠢ 200 ᠲᠦᠮᠨ᠎ᠳᠤ ᠬᠦᠷᠦᠭᠦᠯᠬᠦ ᠬᠠᠷᠠᠯᠲᠤ ᠡᠭᠦᠷᠭᠡ ᠵᠢ ᠪᠡᠶᠡᠯᠡᠭᠦᠯᠦᠨ᠎ᠡ᠃
      ᠬᠥᠲᠥᠯᠥᠭᠴᠢ᠄
      ᠸᠠᠩ ᠲᠣᠪᠴᠢᠶᠠᠨ ᠳᠠᠷᠤᠭ᠎ᠠ ᠡ᠂ ᠲᠣᠭᠲᠠᠭ᠋ᠠᠭᠰᠠᠨ ᠬᠠᠷᠠᠯᠲᠤ ᠡᠭᠦᠷᠭᠡ ᠵᠢᠨ ᠪᠠᠶ᠋ᠢᠳᠠᠯ᠎ᠠᠴᠠ ᠦᠵᠡᠪᠡᠯ᠂ ᠡᠨᠡ ᠵᠢᠯ᠎ᠤᠨ ᠠᠵᠢᠯ ᠣᠯᠭᠣᠬᠤ ᠪᠠ ᠠᠳᠠᠯ ᠦᠢ᠍ᠯᠡᠰ ᠴᠣᠭᠴᠠᠯᠠᠬᠤ ᠠᠵᠢᠯ᠎ᠤᠨ ᠡᠭᠦᠷᠭᠡ ᠮᠥᠨ ᠯᠡ ᠮᠠᠰᠢ ᠪᠡᠷᠬᠡ ᠬᠠᠲᠠᠭᠤᠵᠢᠯᠲᠠᠶ ᠪᠠᠶ᠋ᠢᠨ᠎ᠠ᠂ ᠡᠯ᠎ᠡ ᠵᠦᠢ᠍ᠯ᠎ᠤᠨ ᠬᠠᠷᠠᠯᠲᠤ ᠡᠭᠦᠷᠭᠡ ᠵᠢ ᠪᠡᠶᠡᠯᠡᠭᠦᠯᠬᠦ ᠵᠢᠨ ᠲᠤᠰᠠᠳᠠ ᠶᠠᠮᠠᠷ ᠶᠠᠮᠠᠷ ᠭᠣᠣᠯ ᠠᠷᠭ᠎ᠠ ᠬᠡᠮᠵᠢᠶ᠎ᠡ ᠠᠪᠬᠤ ᠪᠤᠢ?
      ᠸᠠᠩ ᠶᠢᠦ ᠬᠤᠩ᠄
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ ᠣᠯᠭᠣᠬᠣ ᠪᠠ ᠠᠳᠠᠯ ᠦᠢ᠍ᠯᠡᠰ ᠴᠣᠭᠴᠠᠯᠠᠬᠤ ᠠᠵᠢᠯ᠎ᠤᠨ ᠪᠠᠢ᠌ᠷᠢᠯᠠᠭᠤᠯᠤᠯᠲᠠ ᠪᠠ ᠪᠦᠬᠦ ᠤᠯᠤᠰ᠎ᠤᠨ ᠬᠥᠮᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠶᠣᠰᠤᠭ᠋ᠠᠷ᠂ ᠡᠨᠡ ᠵᠢᠯ᠎ᠤᠨ ᠠᠵᠢᠯ ᠣᠯᠭᠣᠬᠤ ᠪᠠ ᠠᠳᠠᠯ ᠦᠢ᠍ᠯᠡᠰ ᠴᠣᠭᠴᠠᠯᠠᠬᠤ ᠠᠵᠢᠯ᠎ᠳᠤ ᠠᠵᠢᠯ ᠣᠯᠭᠣᠬᠣ ᠵᠢ ᠲᠡᠷᠢᠭᠦᠨ᠎ᠳᠤ ᠲᠠᠯᠪᠢᠬᠤ ᠪᠠᠶ᠋ᠢᠯᠳᠤᠬᠤ ᠪᠣᠳᠣᠯᠭ᠎ᠠ ᠪᠠ ᠨᠠᠩ ᠢᠳᠡᠪᠬᠢᠲᠡᠶ ᠠᠵᠢᠯ ᠣᠯᠭᠣᠬᠣ ᠲᠦᠷᠦ ᠵᠢᠨ ᠪᠤᠳᠤᠯᠭ᠎ᠠ ᠵᠢ ᠡᠷᠡᠰ ᠭᠤᠶ᠋ᠢᠪᠢᠰᠢ ᠦᠭᠡᠢ᠎ᠪᠠᠷ ᠬᠡᠷᠡᠭᠵᠢᠭᠦᠯᠵᠦ᠂ ᠭᠦᠢ᠍ᠴᠡᠳ ᠠᠵᠢᠯ ᠣᠯᠭᠣᠬᠣ ᠵᠢ ᠠᠬᠢᠭᠤᠯᠬᠤ ᠪᠠ ᠴᠢᠨᠠᠷ ᠰᠠᠶ᠋ᠢᠲᠠᠶ ᠠᠵᠢᠯ ᠣᠯᠭᠣᠬᠣ ᠵᠢ ᠪᠡᠶᠡᠯᠡᠭᠦᠯᠬᠦ᠎ᠲᠠᠢ ᠨᠢᠭᠲᠠ ᠤᠶᠠᠯᠳᠤᠭᠤᠯᠤᠨ᠂ 《ᠬᠣᠶᠠᠷ ᠶᠡᠬᠡ ᠰᠢᠰᠲᠸᠮᠵᠢ》 ᠵᠢ ᠬᠦᠴᠦᠯᠡᠨ ᠪᠠᠢ᠌ᠭᠤᠯᠵᠤ᠂ 《ᠵᠢᠷᠭᠤᠭ᠋ᠠᠨ ᠵᠦᠢ᠍ᠯ᠎ᠤᠨ ᠭᠣᠣᠯᠳᠠᠯᠭ᠎ᠠ᠎ᠲᠠᠢ ᠠᠵᠢᠯ》᠎ᠢ ᠰᠠᠶ᠋ᠢᠲᠤᠷ ᠠᠳᠬᠤᠨ᠎ᠠ᠃ ᠳᠠᠷᠤᠶ ᠠᠵᠢᠯ ᠣᠯᠭᠣᠬᠣ ᠠᠳᠠᠯ ᠦᠢ᠍ᠯᠡᠰ ᠴᠣᠭᠴᠠᠯᠠᠬᠤ ᠲᠥᠷᠥ ᠵᠢᠨ ᠪᠤᠳᠤᠯᠭ᠎ᠠ ᠪᠠ ᠤᠯᠠᠨ ᠨᠡᠶ᠋ᠢᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ ᠵᠡᠷᠭᠡ ᠬᠣᠶᠠᠷ ᠶᠡᠬᠡ ᠰᠢᠰᠲᠸᠮᠵᠢ ᠵᠢ ᠬᠦᠴᠦᠯᠡᠨ ᠪᠠᠶ᠋ᠢᠭᠤᠯᠬᠤ ᠪᠠ ᠪᠦᠷᠢᠨᠰᠢᠭᠦᠯᠬᠦ ᠪᠣᠯᠤᠨ᠎ᠠ᠃ ᠨᠢᠭᠡ᠎ᠳᠤ ᠪᠦᠬᠦ ᠬᠦᠴᠦᠨ ᠵᠶ᠋ᠠᠷ ᠵᠶ᠋ᠠᠨ ᠴᠢᠷᠮᠠᠢ᠌ᠵᠤ ᠪᠠᠢ᠌ᠭ᠋ᠠᠳ ᠬᠣᠲᠠ ᠪᠠᠯᠭ᠋ᠠᠰᠤ ᠵᠢᠨ ᠵᠠᠯᠠᠭᠤ ᠬᠥᠳᠡᠯᠮᠦᠷᠢ ᠵᠢᠨ ᠬᠦᠴᠦᠨ ᠵᠡᠷᠭᠡ ᠭᠣᠣᠯᠳᠠᠯᠭ᠎ᠠ᠎ᠲᠠᠢ ᠪᠦᠯᠦᠭᠯᠡᠯ᠎ᠳᠤ ᠭᠦᠢ᠍ᠴᠡᠳ ᠠᠵᠢᠯ ᠣᠯᠭᠣᠬᠣ ᠵᠢ ᠦᠨᠡᠨᠬᠦ ᠪᠠᠲᠤᠯᠠᠨ᠎ᠠ᠃ ᠬᠣᠶᠠᠷ᠎ᠲᠤ 《ᠦᠢ ᠤᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ᠂ ᠲᠦᠭ ᠲᠦᠮᠡᠨ ᠵᠶ᠋ᠡᠷ ᠵᠶ᠋ᠡᠨ ᠰᠢᠨ᠎ᠡ ᠵᠢ ᠡᠭᠦᠳᠬᠦ》᠎ᠪᠠᠷ ᠬᠦᠳᠡᠯᠭᠡᠭᠦᠷ ᠪᠣᠯᠭ᠋ᠠᠨ᠂ ᠠᠳᠠᠯ ᠦᠢ᠍ᠯᠡᠰ ᠴᠣᠭᠴᠠᠯᠠᠬᠤ᠎ᠪᠠᠷ ᠠᠵᠢᠯ ᠣᠯᠭᠣᠯᠲᠠ ᠵᠢ ᠳᠠᠢ᠌ᠴᠢᠯᠠᠵᠤ᠂ ᠠᠵᠢᠯ ᠣᠯᠭᠣᠯᠲᠠ ᠵᠢᠨ ᠶᠡᠷᠦᠩᠬᠡᠶ ᠬᠡᠮᠵᠢᠶ᠎ᠡ ᠵᠢ ᠴᠢᠷᠮᠠᠢ᠌ᠨ ᠦᠷᠭᠡᠳᠬᠡᠨ᠎ᠠ᠃ ᠭᠤᠷᠪᠠ᠎ᠳᠤ ᠰᠢᠨ᠎ᠡ ᠵᠢ ᠡᠭᠦᠳᠬᠦ ᠮᠡᠷᠭᠡᠵᠢᠯ ᠴᠢᠳᠠᠪᠤᠷᠢ ᠵᠢᠨ ᠪᠣᠯᠪᠠᠰᠤᠷᠠᠭᠤᠯ ᠬᠢᠵᠦ᠂ ᠠᠵᠢᠯ ᠣᠯᠭᠣᠯᠲᠠ ᠵᠢᠨ ᠪᠦᠲᠦᠴᠡ ᠵᠢᠨ ᠴᠢᠨᠠᠷᠲᠠᠶ ᠵᠥᠷᠢᠴᠡᠯ᠎ᠢ ᠪᠦᠲᠦᠮᠵᠢᠲᠡᠶ ᠠᠷᠢᠯᠭ᠋ᠠᠨ᠎ᠠ᠃ ᠳᠥᠷᠪᠡ᠎ᠳᠤ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡᠪᠡᠷ ᠠᠪᠤᠨ᠂ ᠮᠠᠯᠵᠢᠬᠤ ᠲᠠᠷᠢᠶᠠᠯᠠᠬᠤ ᠣᠷᠣᠨ᠎ᠤ ᠦᠯᠡᠭᠦᠦ ᠬᠥᠳᠡᠯᠮᠦᠷᠢ ᠵᠢᠨ ᠬᠦᠴᠦᠨ᠎ᠤ ᠠᠵᠢᠯ ᠣᠯᠵᠤ ᠠᠳᠠᠯ ᠦᠢ᠍ᠯᠡᠰ ᠴᠣᠭᠴᠠᠯᠠᠬᠤ ᠵᠢ ᠪᠦᠬᠦ ᠬᠦᠴᠦᠨ ᠵᠶ᠋ᠡᠷ ᠵᠶ᠋ᠡᠨ ᠲᠦᠯᠬᠢᠨ ᠠᠬᠢᠭᠤᠯᠤᠨ᠎ᠠ᠃ ᠲᠠᠪᠤ᠎ᠳᠤ ᠳᠦᠷᠦᠯ ᠲᠡᠮᠳᠡᠭᠲᠦ᠎ᠪᠠᠷ ᠬᠥᠲᠥᠯᠥᠨ

ᠳᠠᠭ᠋ᠠᠭᠤᠯᠵᠤ᠂ ᠭᠡᠷ ᠪᠦᠯᠢ ᠵᠢᠨ ᠦᠢ᠍ᠯᠡᠴᠢᠯᠡᠭᠡᠨ᠎ᠤ ᠦᠢ᠍ᠯᠡᠰ᠎ᠢ ᠠᠬᠢᠭᠤᠯᠬᠤ᠎ᠪᠠᠷ ᠠᠵᠢᠯ ᠣᠯᠭᠣᠯᠲᠠ ᠵᠢ ᠲᠥᠯᠬᠢᠨ ᠠᠬᠢᠭᠤᠯᠤᠨ᠎ᠠ᠃ ᠵᠢᠷᠭᠤᠭ᠎ᠠ᠎ᠳᠤ ᠠᠶᠤᠯ ᠲᠦᠭᠰᠢᠭᠦᠷᠢ ᠵᠢ ᠰᠡᠷᠭᠡᠢ᠌ᠯᠡᠨ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ᠎ᠪᠠᠷ ᠠᠵᠢᠯ ᠠᠯᠳᠠᠯᠲᠠ ᠵᠢ ᠤᠷᠢᠳᠴᠢᠯᠠᠨ ᠰᠡᠷᠭᠡᠶ᠋ᠢᠯᠡᠬᠦ ᠪᠠ ᠠᠵᠢᠯ ᠣᠯᠭᠣᠯᠲᠠ ᠵᠢ ᠠᠬᠢᠭᠤᠯᠬᠤ ᠦᠢ᠍ᠯᠡᠳᠦᠯ᠎ᠢ ᠪᠠᠳᠠᠷᠠᠭᠤᠯᠤᠨ᠎ᠠ᠃
      ᠬᠥᠲᠥᠯᠥᠭᠴᠢ᠄
      ᠲᠠ ᠠᠵᠢᠯ ᠣᠯᠭᠣᠵᠤ ᠠᠳᠠᠯ ᠦᠢ᠍ᠯᠡᠰ ᠴᠣᠭᠴᠠᠯᠠᠬᠤ ᠲᠥᠷᠥ ᠵᠢᠨ ᠪᠤᠳᠤᠯᠭ᠎ᠠ ᠪᠠ ᠤᠯᠠᠨ ᠨᠡᠶ᠋ᠢᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠰᠢᠰᠲᠸᠮᠵᠢ ᠵᠢ ᠪᠠᠢ᠌ᠭᠤᠯᠤᠨ ᠪᠦᠷᠢᠨᠰᠢᠭᠦᠯᠬᠦ ᠵᠢᠨ ᠭᠣᠣᠯ ᠠᠷᠭ᠎ᠠ ᠬᠡᠮᠵᠢᠶ᠎ᠡ᠎ᠨᠢ ᠶᠠᠭᠤ ᠶᠠᠭᠤ ᠪᠠᠢ᠌ᠬᠤ ᠵᠢ ᠲᠠᠨᠢᠯᠴᠠᠭᠤᠯᠤᠭ᠋ᠠᠳ ᠦᠭᠭᠦᠨ᠎ᠡ ᠦᠦ?
      ᠸᠠᠨᠭ᠌ ᠶᠢᠣ ᠬᠤᠨᠭ᠌᠄
      ᠠᠵᠢᠯ ᠣᠯᠭᠣᠬᠤ ᠪᠠ ᠠᠳᠠᠯ ᠦᠢ᠍ᠯᠡᠰ ᠴᠤᠭᠴᠠᠯᠠᠬᠤ ᠲᠥᠷᠥ ᠵᠢᠨ ᠪᠤᠳᠤᠯᠭ᠎ᠠ ᠵᠢ ᠲᠤᠭᠲᠠᠭ᠋ᠠᠨ ᠪᠦᠷᠢᠨᠰᠢᠬᠦᠯᠬᠦ ᠲᠠᠯ᠎ᠠ᠎ᠪᠠᠷ᠄
      ᠨᠢᠭᠡ᠎ᠳᠤ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠦᠨᠡᠨ ᠬᠦ᠌ ᠲᠣᠭᠲᠠᠭ᠋ᠠᠨ ᠪᠦᠷᠢᠨᠰᠢᠬᠦᠯᠦᠨ᠎ᠡ᠃ ᠪᠠᠶ᠋ᠢᠳᠠᠯ᠎ᠤᠨ ᠬᠤᠪᠢᠷᠠᠯᠲᠠ ᠪᠤᠯᠤᠨ ᠡᠭᠦᠷᠭᠡ ᠵᠢᠨ ᠱᠠᠭ᠋ᠠᠷᠳᠠᠯᠭ᠎ᠠ ᠵᠢ ᠰᠠᠯᠤᠯ ᠤᠢ᠍ᠭᠡᠢ ᠲᠡᠭ᠋ᠠᠵᠦ᠂ ᠰᠢᠨ᠎ᠡ ᠮᠡᠷᠭᠡᠵᠢᠯ᠂ ᠰᠢᠨ᠎ᠡ ᠤᠨᠤᠯᠵᠢᠬᠤᠨ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠤᠨ ᠬᠥᠭᠵᠢᠯᠲᠡ᠎ᠳᠤ ᠴᠢᠭᠯᠡᠭᠦᠯᠦᠨ᠂ 《ᠲᠦᠭ ᠲᠦᠮᠡᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ᠂ ᠦᠢ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ》 ᠥᠷᠨᠢᠯᠲᠡ ᠪᠤᠯᠤᠨ ᠬᠣᠴᠣᠷᠤᠩᠭᠤᠶ ᠦᠢ᠍ᠯᠡᠳᠪᠦᠷᠢᠯᠡᠬᠦ ᠴᠢᠳᠠᠪᠤᠷᠢ ᠵᠢ ᠰᠢᠭᠰᠢᠭᠳᠡᠭᠦᠯᠬᠦ ᠰᠢᠨ᠎ᠡ ᠬᠠᠨᠳᠤᠰᠢ ᠵᠢ ᠣᠨᠴᠠᠭ᠋ᠠᠶ᠋ᠢᠯᠠᠨ ᠠᠨᠭ᠌ᠬᠠᠷᠴᠤ᠂   ᠪᠠᠶ᠋ᠢᠴᠠᠭ᠋ᠠᠨ ᠰᠤᠳᠤᠯᠤᠯᠲᠠ ᠬᠢᠬᠦ ᠰᠢᠮᠳᠠᠭᠤᠯᠤᠨ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠲᠥᠷᠥ ᠵᠢᠨ ᠪᠣᠳᠣᠯᠭ᠎ᠠ ᠵᠢᠨ ᠭᠦᠢ᠍ᠴᠡᠳ ᠨᠥᠭᠡᠴᠡᠯᠡᠯ ᠪᠤᠯᠤᠨ ᠠᠷᠭ᠋ᠠᠴᠠᠬᠤ ᠤᠷᠢᠳᠴᠢᠯᠠᠭᠰᠠᠨ ᠲᠥᠰᠦᠯ᠎ᠲᠠᠢ ᠪᠠᠢ᠌ᠯᠭ᠋ᠠᠵᠤ᠂ ᠠᠵᠤ ᠠᠬᠤᠶ ᠵᠢᠨ ᠬᠥᠭᠵᠢᠯᠲᠡ   ᠪᠤᠯᠤᠨ ᠠᠵᠢᠯ ᠣᠯᠭᠣᠯᠲᠠ ᠵᠢ ᠠᠬᠢᠭᠤᠯᠬᠤ ᠰᠠᠶ᠋ᠢᠨ ᠰᠠᠢ᠌ᠬᠠᠨ ᠦᠢ᠍ᠯᠡᠳᠦᠯᠴᠡᠯ᠎ᠤᠨ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠬᠦᠯᠵᠤ᠂ ᠴᠢᠬᠤᠯᠠ ᠶᠡᠬᠡ ᠲᠦᠷᠦᠯ ᠵᠦᠢ᠍ᠯ᠎ᠤᠨ ᠠᠬᠢᠴᠠ ᠵᠢ ᠮᠥᠷᠳᠡᠬᠦ ᠠᠵᠢᠯ᠎ᠤᠨ ᠠᠷᠭ᠎ᠠ ᠬᠡᠮᠵᠢᠶ᠎ᠡ ᠵᠢ ᠪᠦᠷᠢᠨᠰᠢᠭᠦᠯᠵᠤ᠂ ᠠᠵᠢᠯ ᠣᠯᠭᠣᠬᠤ ᠠᠵᠢᠯ᠎ᠤᠨ ᠪᠠᠶ᠋ᠢᠷᠢ ᠵᠢ ᠢᠳᠡᠪᠬᠢᠲᠡᠶ ᠨᠡᠭᠡᠭᠡᠨ ᠬᠦᠭᠵᠢᠬᠦᠯᠵᠤ᠂ ᠠᠵᠢᠯ ᠣᠯᠭᠣᠯᠲᠠ ᠵᠢᠨ ᠠᠷᠭ᠎ᠠ ᠵᠠᠮ᠎ᠢ ᠦᠷᠭᠡᠳᠭᠡᠵᠤ᠂ ᠬᠤᠳᠠ ᠬᠥᠳᠡᠭᠡ ᠵᠢᠨ ᠠᠵᠢᠯ ᠣᠯᠭᠣᠯᠲᠠ ᠵᠢ ᠲᠣᠭᠲᠠᠭᠤᠨ ᠪᠠᠢ᠌ᠯᠭ᠋ᠠᠨ᠎ᠠ᠃
      ᠬᠣᠶᠠᠷ᠎ᠲᠤ ᠲᠦᠷᠦ ᠵᠢᠨ ᠪᠤᠳᠤᠯᠭ᠎ᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠡᠷᠴᠢᠮ᠎ᠢ ᠴᠢᠨᠭ᠌ᠭ᠋ᠠᠷᠠᠭᠤᠯᠤᠨ᠎ᠠ᠃   ᠠᠵᠢᠯ ᠣᠯᠭᠣᠬᠤ ᠠᠵᠢᠯ᠎ᠤᠨ ᠲᠤᠬᠠᠢ ᠲᠥᠪ᠎ᠤᠨ ᠬᠠᠮᠤᠭ᠎ᠤᠨ ᠰᠢᠨ᠎ᠡ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠡᠷᠡᠰ ᠭᠤᠶ᠋ᠢᠪᠢᠰᠢ ᠦᠭᠡᠢ᠎ᠪᠠᠷ ᠲᠤᠤᠱᠯᠠᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠰᠢᠨ᠎ᠡ ᠨᠢᠭᠡ ᠡᠭᠡᠯᠵᠢ ᠵᠢᠨ ᠠᠵᠢᠯ ᠣᠯᠭᠣᠬᠤ ᠪᠠ ᠠᠳᠠᠯ ᠦᠢ᠍ᠯᠡᠰ ᠴᠤᠭᠴᠠᠯᠠᠬᠤ ᠲᠥᠷᠥ ᠵᠢᠨ ᠪᠤᠳᠤᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠵᠢ ᠢᠳᠡᠪᠬᠢᠲᠡᠶ ᠪᠦᠷᠢᠨᠰᠢᠬᠦᠯᠵᠤ᠂ ᠨᠤᠲᠤᠭᠴᠢᠯᠠᠯᠲᠠ ᠵᠢ ᠲᠦᠷᠭᠡᠳᠭᠡᠵᠤ᠂ ᠲᠤᠢ᠍ᠷᠦ ᠵᠢᠨ ᠪᠤᠳᠦᠯᠭ᠎ᠠ ᠵᠢ ᠠᠮᠢᠳᠤᠯᠢᠭ ᠪᠦᠭᠡᠳ ᠭᠦᠢ᠍ᠴᠡᠳ ᠬᠡᠷᠡᠭᠯᠡᠨ ᠠᠵᠢᠯ ᠤᠯᠭᠤᠬᠤ ᠪᠠ ᠠᠳᠠᠯ ᠦᠢ᠍ᠯᠡᠰ ᠴᠣᠭᠴᠠᠯᠠᠬᠤ ᠵᠢ ᠠᠬᠢᠭᠤᠯᠵᠤ᠂ ᠠᠳᠠᠯ ᠦᠢ᠍ᠯᠡᠰ ᠴᠣᠭᠴᠠᠯᠠᠬᠤ ᠪᠠ ᠠᠵᠢᠯ ᠣᠯᠭᠣᠬᠤ ᠲᠦᠷᠦ ᠵᠢᠨ ᠪᠤᠳᠤᠯᠭ᠎ᠠ ᠵᠢ ᠦᠨᠡᠨ ᠬᠦ᠌ ᠪᠤᠳᠠᠲᠠᠢ᠎ᠳᠤ ᠨᠠᠢ᠌ᠳᠠᠪᠤᠷᠢᠵᠢᠭᠤᠯᠤᠨ ᠠᠷᠠᠳ ᠤᠯᠠᠨ᠎ᠳᠤ ᠠᠰᠢᠭ ᠬᠦᠷᠲᠡᠭᠡᠬᠦ ᠵᠢ ᠪᠠᠲᠤᠯᠠᠨ᠎ᠠ᠃
      ᠭᠤᠷᠪᠠ᠎ᠳᠤ ᠠᠵᠢᠯ ᠣᠯᠭᠣᠬᠤ ᠪᠠ ᠠᠳᠠᠯ ᠦᠢ᠍ᠯᠡᠰ ᠴᠤᠭᠴᠠᠯᠠᠬᠤ ᠤᠬᠠᠭᠤᠯᠭ᠎ᠠ ᠵᠢ ᠴᠢᠨᠭ᠌ᠭ᠋ᠠᠳᠬᠠᠨ᠎ᠠ᠃ ᠡᠯ᠎ᠡ ᠱᠠᠲᠤᠨ᠎ᠤ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠤᠭᠤᠳ ᠰᠠᠨᠠᠭ᠋ᠠᠴᠢᠯᠠᠭ᠎ᠠ᠎ᠠᠴᠠ᠎ᠪᠠᠨ ᠵᠠᠭᠤᠴᠢᠯᠠᠭᠤᠷ᠎ᠯᠤᠭ᠎ᠠ ᠪᠠᠢ᠌ᠨᠭ᠌ᠭᠤᠴᠢᠯᠠᠭᠰᠠᠨ ᠤᠬᠠᠭᠤᠯᠭ᠎ᠠ ᠵᠢᠨ ᠲᠣᠭᠲᠠᠴᠠ ᠵᠢ ᠪᠠᠢ᠌ᠭᠤᠯᠵᠤ᠂ ᠰᠢᠨ᠎ᠡ ᠵᠠᠭᠤᠴᠢᠯᠠᠭᠤᠷ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠪᠤᠰᠤᠭ᠎ᠠ ᠬᠡᠯᠪᠡᠷᠢ᠂ ᠤᠯᠠᠨ ᠳᠡᠰ ᠳᠠᠪᠬᠤᠷᠭ᠎ᠠ᠂ ᠣᠯᠠᠨ ᠬᠠᠷᠠᠭ᠋ᠠᠰᠤ᠂ ᠣᠯᠠᠨ ᠠᠷᠭ᠎ᠠ ᠵᠠᠮ ᠵᠶ᠋ᠠᠷ ᠠᠵᠢᠯ   ᠤᠯᠭᠤᠬᠤ ᠪᠠ ᠠᠳᠠᠯ ᠦᠢ᠍ᠯᠡᠰ ᠴᠤᠭᠴᠠᠯᠠᠬᠤ ᠲᠦᠷᠦ ᠵᠢᠨ ᠪᠤᠳᠤᠯᠭ᠎ᠠ ᠵᠢ ᠰᠠᠶ᠋ᠢᠲᠤᠷ ᠤᠬᠠᠭᠤᠯᠤᠨ᠂ ᠰᠠᠢ᠌ᠲᠤᠷ ᠲᠠᠢ᠌ᠯᠪᠤᠷᠢᠯᠠᠵᠤ᠂   ᠠᠵᠢᠯ ᠣᠯᠭᠣᠬᠤ ᠪᠠ ᠠᠳᠠᠯ ᠦᠢ᠍ᠯᠡᠰ ᠴᠣᠭᠴᠠᠯᠠᠬᠤ ᠠᠵᠢᠯ᠎ᠳᠤ ᠪᠦᠬᠦ ᠲᠠᠯ᠎ᠠ ᠵᠢ ᠬᠠᠮᠤᠷᠴᠤ᠂ ᠡᠷᠦᠬᠡ ᠨᠢᠭᠡᠪᠦᠷᠢ ᠬᠥᠮᠦᠨ ᠪᠣᠯᠭ᠋ᠠᠨ᠎ᠳᠤ ᠮᠡᠳᠡᠬᠦᠯᠬᠦ ᠵᠢ ᠦᠨᠡᠨ ᠬᠦ᠌ ᠪᠠᠲᠤᠯᠠᠨ᠂ ᠠᠵᠢᠯ ᠤᠯᠭᠤᠬᠤ ᠪᠠ ᠠᠳᠠᠯ ᠦᠢ᠍ᠯᠡᠰ ᠴᠤᠭᠴᠠᠯᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠶ᠃
      ᠸᠠᠨᠭ᠌ ᠶᠢᠣ ᠬᠤᠨᠭ᠌᠄
      ᠤᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠰᠢᠰᠲᠸᠮᠵᠢ ᠵᠢ ᠪᠠᠢ᠌ᠭᠤᠯᠤᠨ ᠪᠦᠷᠢᠨᠰᠢᠬᠦᠯᠬᠦ ᠲᠠᠯ᠎ᠠ᠎ᠪᠠᠷ᠄
      ᠨᠢᠭᠡ᠎ᠳᠤ ᠠᠵᠢᠯ ᠣᠯᠭᠣᠯᠲᠠ ᠵᠢᠨ ᠪᠠᠶ᠋ᠢᠳᠠᠯ᠎ᠢ ᠵᠠᠳᠠᠯᠤᠨ ᠰᠢᠨᠵᠢᠯᠡᠬᠦ ᠲᠣᠭᠲᠠᠴᠠ ᠵᠢ ᠪᠦᠷᠢᠨᠰᠢᠬᠦᠯᠦᠨ ᠲᠡᠭᠦᠯᠳᠡᠷᠵᠢᠬᠦᠯᠦᠨ᠎ᠡ᠃ ᠬᠣᠷᠸ᠎ᠠ ᠠᠵᠤ ᠠᠬᠤᠶ ᠵᠢᠨ ᠪᠠᠶ᠋ᠢᠳᠠᠯ ᠪᠣᠯᠤᠨ ᠠᠵᠢᠯ ᠣᠯᠭᠣᠯᠲᠠ ᠵᠢᠨ ᠪᠠᠶ᠋ᠢᠳᠠᠯ᠎ᠤᠨ ᠬᠤᠪᠢᠷᠠᠯᠲᠠ ᠵᠢ ᠨᠢᠭᠲᠠ ᠠᠩᠬᠠᠷᠴᠤ᠂ ᠠᠵᠢᠯ ᠣᠯᠭᠣᠯᠲᠠ ᠵᠢᠨ ᠪᠠᠶ᠋ᠢᠳᠠᠯ᠎ᠢ ᠨᠠᠷᠢᠯᠢᠭ ᠤᠨᠤᠪᠴᠢᠲᠠᠢ᠎ᠪᠠᠷ ᠤᠷᠢᠳᠴᠢᠯᠠᠨ ᠮᠠᠭ᠋ᠠᠳᠯᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠯᠤᠭ᠎ᠠ ᠮᠡᠳᠡᠭᠡ ᠵᠠᠩᠭᠢ ᠵᠢᠨ ᠡᠬᠢ ᠪᠠᠶᠠᠯᠢᠭ᠎ᠢ ᠬᠠᠮᠲᠤ᠎ᠪᠠᠷ ᠬᠦᠷᠲᠡᠬᠦ ᠵᠢ ᠴᠢᠩᠭ᠋ᠠᠳᠬᠠᠵᠤ᠂ ᠦᠢ᠍ᠯᠡᠴᠢᠯᠡᠭᠡᠨ᠎ᠤ ᠡᠩᠨᠡᠭᠡᠨ᠎ᠤ ᠪᠣᠯᠪᠠᠰᠤᠷᠠᠭᠤᠯᠤᠯ᠎ᠢ ᠴᠢᠨᠭ᠌ᠭ᠋ᠠᠷᠠᠭᠤᠯᠵᠤ᠂ ᠠᠵᠢᠯ ᠣᠯᠭᠣᠯᠲᠠ ᠵᠢᠨ ᠪᠠᠶ᠋ᠢᠳᠠᠯ᠎ᠢ ᠤᠯᠠᠷᠢᠯ ᠵᠶ᠋ᠠᠷ ᠵᠠᠳᠠᠯᠤᠨ ᠰᠢᠨᠵᠢᠯᠡᠬᠦ ᠲᠦᠷᠢᠮ᠎ᠢ ᠨᠠᠶ᠋ᠢᠳᠠᠪᠤᠷᠢᠵᠢᠭᠤᠯᠵᠤ᠂ ᠦᠨᠳᠦᠰᠦᠨ ᠱᠠᠲᠤᠨ᠎ᠤ ᠰᠠᠭᠤᠷᠢ ᠠᠵᠢᠯ᠎ᠤᠨ ᠨᠠᠷᠢᠯᠢᠭ ᠤᠨᠤᠪᠴᠢ ᠵᠢᠨ ᠨᠤᠷᠮ᠎ᠠ ᠪᠤᠯᠤᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢᠨ ᠨᠠᠷᠢᠯᠢᠭ ᠤᠨᠤᠪᠴᠢ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃
      ᠬᠣᠶᠠᠷ᠎ᠲᠤ ᠠᠵᠢᠯ ᠣᠯᠭᠣᠬᠤ᠎ᠳᠤ ᠲᠤᠰᠠᠯᠠᠮᠵᠢ ᠦᠵᠡᠭᠦᠯᠬᠦ ᠠᠵᠢᠯ᠎ᠢ ᠴᠢᠨᠭ᠌ᠭ᠋ᠠᠳᠬᠠᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠵᠢ ᠨᠡᠭᠡᠭᠡᠨ ᠬᠦᠭᠵᠢᠬᠦᠯᠬᠦ ᠬᠠᠮᠢᠶᠠᠷᠤᠯᠲᠠ ᠵᠢᠨ ᠠᠷᠭ᠎ᠠ》 ᠪᠣᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠬᠦᠴᠢᠷᠳᠡᠯ᠎ᠢ ᠦᠨᠡᠮᠰᠢᠬᠦ ᠠᠷᠭ᠎ᠠ》 ᠵᠢ ᠬᠢᠨᠠᠮᠠᠭ᠋ᠠᠶ ᠰᠠᠶ᠋ᠢᠲᠤᠷ ᠨᠠᠶ᠋ᠢᠳᠠᠪᠤᠷᠢᠵᠢᠭᠤᠯᠵᠤ᠂ ᠬᠣᠲᠠ ᠪᠠᠯᠭ᠋ᠠᠰᠤ ᠵᠢᠨ ᠶᠠᠭ ᠠᠵᠢᠯ   ᠤᠯᠭᠤᠯᠲᠠ ᠦᠭᠡᠢ ᠬᠡᠷ ᠪᠦᠯᠢ ᠵᠢᠨ ᠪᠦᠷᠢᠯᠳᠦᠬᠦᠨ᠂ ᠮᠠᠯᠵᠢᠬᠤ ᠲᠠᠷᠢᠶᠠᠯᠠᠬᠤ ᠣᠷᠣᠨ᠎ᠤ ᠶᠠᠭ ᠨᠡᠭᠦᠵᠤ ᠰᠢᠯᠵᠢᠭᠰᠡᠨ ᠦᠭᠡᠢ ᠭᠡᠷ ᠪᠦᠯᠢ ᠵᠢᠨ ᠪᠦᠷᠢᠯᠳᠦᠬᠦᠨ᠂ ᠤᠨᠴᠠ ᠬᠦᠴᠢᠷᠳᠡᠯᠲᠠᠢ ᠬᠡᠷ ᠪᠦᠯᠢ ᠵᠢᠨ ᠪᠦᠷᠢᠯᠳᠦᠬᠦᠨ ᠵᠢᠴᠢ ᠠᠵᠢᠯ ᠤᠯᠬᠤ᠎ᠳᠤ ᠬᠦᠴᠢᠷᠲᠡᠶ ᠬᠥᠮᠦᠰ᠎ᠲᠤ ᠠᠵᠢᠯ ᠣᠯᠭᠣᠬᠤ ᠲᠤᠰᠠᠯᠠᠮᠵᠢ ᠦᠵᠡᠬᠦᠯᠬᠦ ᠵᠢ ᠭᠣᠣᠯᠳᠠᠯᠭ᠎ᠠ᠎ᠲᠠᠢ ᠰᠠᠶ᠋ᠢᠲᠤᠷ ᠠᠳᠬᠤᠵᠤ᠂ ᠠᠵᠢᠯ ᠣᠯᠭᠣᠬᠤ ᠲᠤᠰᠠᠯᠠᠮᠵᠢ ᠦᠵᠡᠬᠦᠯᠬᠦ ᠵᠢ ᠳᠦᠷᠢᠮᠵᠢᠭᠦᠯᠬᠦ᠂ ᠣᠷᠳᠣ ᠬᠤᠭᠤᠴᠠᠭ᠋ᠠᠲᠤ ᠴᠢᠨᠠᠷᠲᠠᠶ ᠪᠣᠯᠭ᠋ᠠᠬᠤ᠂ ᠨᠠᠷᠢᠯᠢᠭᠵᠢᠭᠤᠯᠬᠤ ᠵᠢ ᠨᠠᠢ᠌ᠳᠠᠪᠤᠷᠢᠵᠢᠭᠤᠯᠵᠤ᠂ ᠠᠵᠢᠯ ᠣᠯᠭᠣᠯᠲᠠ ᠵᠢ ᠢᠯᠡ ᠪᠠᠶ᠋ᠢᠯᠭ᠋ᠠᠬᠤ ᠠᠵᠢᠯ᠎ᠢ ᠦᠨᠡᠨ ᠬᠦ᠌ ᠰᠠᠶ᠋ᠢᠲᠤᠷ ᠬᠢᠨ᠎ᠡ᠃ ᠠᠵᠢᠯ   ᠤᠯᠭᠤᠬᠤ ᠲᠤᠰᠠᠯᠠᠮᠵᠢ ᠦᠵᠡᠭᠦᠯᠬᠦ ᠰᠢᠷᠢᠰ ᠠᠵᠢᠯᠯᠠᠭ᠎ᠠ ᠵᠢ ᠯᠠᠪᠳᠠᠭᠤᠨ ᠪᠠᠲᠤᠲᠠᠶ ᠥᠷᠨᠢᠭᠦᠯᠵᠦ᠂ ᠴᠠᠭ ᠪᠤᠯᠤᠨ ᠬᠦᠴᠦ᠎ᠪᠠᠨ ᠲᠦᠪᠯᠡᠷᠡᠭᠦᠯᠦᠨ ᠬᠥᠳᠡᠯᠮᠦᠷᠢᠴᠢᠳ᠎ᠲᠤ ᠬᠠᠨᠳᠤᠯᠭ᠋ᠠᠲᠤ ᠴᠢᠨᠠᠷᠲᠠᠶ ᠠᠵᠢᠯ ᠣᠯᠭᠣᠬᠤ ᠦᠢ᠍ᠯᠡᠴᠢᠯᠡᠭᠡ ᠵᠢ ᠬᠠᠨᠭ᠌ᠭ᠋ᠠᠨ᠎ᠠ᠃
      ᠭᠤᠷᠪᠠ᠎ᠳᠤ᠂ ᠠᠵᠢᠯ ᠣᠯᠭᠣᠬᠤ ᠦᠢ᠍ᠯᠡᠴᠢᠯᠡᠭᠡ ᠵᠢᠨ ᠦᠨᠡᠨ ᠨᠡᠷ᠎ᠡ ᠵᠢᠨ ᠲᠥᠷᠢᠮ᠎ᠤᠨ ᠬᠠᠮᠢᠶᠠᠷᠤᠯᠲᠠ ᠵᠢᠨ ᠬᠢᠷᠢ   ᠲᠦᠪᠰᠢᠨ᠎ᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠰᠢᠢ᠍ᠳᠪᠦᠷᠢᠲᠦ ᠪᠤᠳᠤᠯᠭ᠎ᠠ ᠵᠢᠨ ᠵᠠᠳᠠᠯᠤᠯᠲᠠ ᠵᠢᠨ ᠰᠢᠰᠲ᠋ᠧᠮ᠎ᠤᠨ ᠬᠡᠷᠡᠭᠯᠡᠯᠲᠡ ᠵᠢ ᠬᠦᠴᠦᠯᠡᠨ ᠴᠢᠩᠭ᠋ᠠᠳᠬᠠᠵᠤ᠂ ᠨᠡᠶ᠋ᠢᠭᠡᠮ᠎ᠤᠨ ᠳᠠᠭ᠋ᠠᠳᠬᠠᠯ᠂ ᠬᠥᠳᠡᠯᠮᠦᠷᠢ ᠵᠢᠨ ᠬᠠᠷᠢᠴᠠᠭ᠎ᠠ ᠵᠡᠷᠭᠡ ᠮᠡᠳᠡᠭᠡ ᠵᠠᠩᠭᠢ ᠵᠢᠨ ᠰᠢᠰᠲᠸᠮ᠎ᠯᠦᠭᠡ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠵᠢ ᠪᠡᠶᠡᠯᠡᠭᠦᠯᠦᠨ᠂ ᠠᠵᠢᠯ ᠣᠯᠭᠣᠯᠲᠠ ᠵᠢᠨ ᠮᠡᠳᠡᠭᠡ ᠵᠠᠩᠭᠢ ᠵᠢ ᠬᠢᠨᠠᠨ ᠬᠡᠮᠵᠢᠬᠦ ᠠᠵᠢᠯ᠎ᠢ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ᠃ ᠠᠵᠢᠯ ᠣᠯᠭᠣᠯᠲᠠ ᠵᠢᠨ ᠲᠣᠭ᠎ᠠ ᠪᠦᠷᠢᠳᠬᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠣᠭ᠎ᠠ ᠪᠠᠷᠢᠮᠲᠠ ᠵᠢ ᠮᠡᠳᠡᠭᠡ ᠵᠠᠩᠭᠢ ᠵᠢᠨ ᠰᠢᠰᠲ᠋ᠧᠮ᠎ᠤᠨ ᠲᠣᠭ᠎ᠠ ᠪᠠᠷᠢᠮᠲᠠ᠎ᠯᠤᠭ᠎ᠠ ᠵᠣᠯᠭ᠋ᠠᠭᠤᠯᠬᠤ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠬᠤᠲᠠ ᠪᠠᠯᠭ᠋ᠠᠰᠤ ᠵᠢᠨ ᠰᠢᠨ᠎ᠡ᠎ᠪᠠᠷ ᠠᠵᠢᠯ ᠤᠯᠭᠤᠬᠤ ᠵᠡᠷᠭᠡ ᠶᠢᠰᠦᠨ ᠳᠦᠷᠦᠯ᠎ᠤᠨ ᠬᠥᠮᠦᠰ᠎ᠤᠨ ᠦᠨᠡᠨ ᠨᠡᠷ᠎ᠡ ᠵᠢᠨ ᠲᠥᠷᠢᠮ᠎ᠤᠨ ᠬᠥᠳᠡᠯᠦᠩᠭᠦᠶ ᠬᠠᠮᠢᠶᠠᠷᠤᠯᠲᠠ ᠵᠢ ᠦᠨᠡᠨ ᠬᠦ᠌ ᠪᠠᠲᠤᠯᠠᠨ᠎ᠠ᠃
      ᠲᠦᠷᠪᠡ᠎ᠳᠤ᠂ ᠤᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠭᠰᠠᠨ ᠪᠠᠶ᠋ᠢᠭᠤᠯᠤᠯᠲᠠ ᠵᠢ ᠲᠡᠰ ᠦᠰᠭᠡᠨ᠎ᠡ᠃ ᠵᠢᠯ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠤᠯᠠᠨ ᠨᠡᠢ᠍ᠢ᠍ᠳᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠪᠠᠷᠢᠮᠵᠢᠶ᠎ᠠ ᠵᠢ ᠰᠤᠳᠤᠯᠤᠨ ᠲᠣᠭᠲᠠᠭ᠋ᠠᠵᠤ᠂ ᠤᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯ ᠣᠯᠭᠣᠯᠲᠠ ᠪᠠ ᠠᠵᠢᠯ ᠠᠯᠳᠠᠯᠲᠠ ᠵᠢ ᠳᠠᠩᠰᠠᠯᠠᠬᠤ ᠰᠢᠨ᠎ᠡ ᠬᠠᠮᠢᠶᠠᠷᠤᠯᠲᠠ ᠵᠢᠨ ᠲᠥᠷᠢᠮ᠎ᠢ ᠨᠠᠢ᠌ᠳᠠᠪᠤᠷᠢᠵᠢᠭᠤᠯᠵᠤ᠂ ᠦᠢ᠍ᠯᠡᠴᠢᠯᠡᠭᠡᠨ᠎ᠤ ᠶᠠᠪᠤᠴᠠ ᠵᠢ ᠰᠢᠯᠢᠳᠡᠭᠵᠢᠭᠦᠯᠵᠦ᠂ ᠤᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
      ᠬᠥᠲᠥᠯᠥᠭᠴᠢ᠄
      ᠬᠤᠳᠠ ᠪᠠᠯᠭ᠋ᠠᠰᠤᠨ᠎ᠤ ᠰᠢᠨ᠎ᠡ᠎ᠪᠠᠷ ᠨᠡᠮᠡᠭᠳᠡᠭᠰᠡᠨ ᠵᠠᠯᠠᠭᠤ ᠬᠥᠳᠡᠯᠮᠦᠷᠢ ᠬᠦᠴᠦ ᠵᠡᠷᠭᠡ ᠭᠣᠣᠯᠳᠠᠯᠭ᠎ᠠ᠎ᠲᠠᠢ ᠪᠦᠯᠦᠭᠯᠡᠯ᠎ᠳᠤ ᠠᠵᠢᠯ ᠣᠯᠭᠣᠬᠤ ᠲᠠᠯ᠎ᠠ᠎ᠪᠠᠷ ᠶᠠᠮᠠᠷ ᠶᠠᠮᠠᠷ ᠪᠣᠳᠠᠲᠠᠶ ᠬᠠᠷᠠᠯᠲᠠ ᠪᠤᠯᠤᠨ ᠠᠷᠭ᠎ᠠ ᠬᠡᠮᠵᠢᠶ᠎ᠡ ᠪᠠᠢ᠌ᠬᠤ

ᠪᠤᠢ?
      ᠸᠠᠨᠭ᠌ ᠶᠢᠣ ᠬᠤᠨᠭ᠌᠄
      ᠨᠢᠭᠡ ᠪᠦᠯᠦᠭ ᠭᠦᠢ᠍ᠴᠡᠳ ᠠᠵᠢᠯ ᠣᠯᠭᠣᠬᠤ ᠵᠢᠱ᠌ᠢᠶ᠎ᠡ ᠦᠵᠡᠭᠦᠯᠬᠦ ᠴᠢᠭ᠋᠎ᠢ ᠴᠤᠭᠴᠠᠯᠠᠨ᠎ᠠ᠃ ᠵᠢᠯ᠎ᠤᠨ ᠳᠣᠲᠣᠷ᠎ᠠ ᠪᠦᠬᠦ ᠣᠷᠣᠨ᠎ᠤ ᠬᠤᠲᠠ ᠪᠠᠯᠭ᠋ᠠᠰᠤ ᠵᠢᠨ ᠠᠵᠢᠯ ᠠᠯᠳᠠᠯᠲᠠ ᠵᠢ ᠳᠠᠨᠭ᠌ᠰᠠᠯᠠᠬᠤ ᠨᠤᠷᠮ᠎ᠠ ᠵᠢ 4.0% ᠵᠢᠨ ᠳᠣᠲᠣᠷ᠎ᠠ ᠬᠢᠵᠠᠭ᠋ᠠᠷᠯᠠᠨ᠎ᠠ᠃
      ᠨᠢᠭᠡ᠎ᠳᠤ᠂ ᠠᠵᠤ ᠦᠢ᠍ᠯᠡᠰ᠎ᠢ ᠬᠥᠭᠵᠢᠭᠦᠯᠬᠦ ᠰᠢᠨ᠎ᠡ ᠠᠵᠠ ᠲᠣᠬᠢᠶᠠᠯ᠎ᠢ ᠠᠳᠬᠤᠨ ᠪᠣᠶ᠋ᠢᠵᠢᠭᠤᠯᠵᠤ᠂ ᠳᠡᠰ ᠳᠠᠷᠠᠭ᠋ᠠᠯᠠᠯ ᠵᠶ᠋ᠠᠷ ᠡᠯᠪᠡᠭ ᠪᠠᠶᠠᠯᠢᠭ᠂ ᠬᠡᠷᠡᠭᠴᠡᠭᠡ᠎ᠪᠠᠷ ᠤᠯᠠᠨ ᠶᠠᠩᠵᠤ ᠪᠦᠬᠦᠢ ᠬᠤᠳᠡ ᠪᠠᠯᠭ᠋ᠠᠰᠤ ᠵᠢᠨ ᠠᠵᠢᠯ ᠣᠯᠭᠣᠬᠤ ᠲᠣᠬᠢᠶᠠᠯ᠎ᠢ ᠡᠭᠦᠳᠦᠨ ᠪᠦᠲᠦᠭᠡᠨ᠎ᠡ᠃ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠪᠤᠯᠤᠨ ᠥᠨᠳᠥᠷ ᠬᠡᠪ ᠪᠤᠯᠪᠠᠰᠤᠷᠠᠯ᠎ᠲᠠᠢ ᠬᠥᠳᠡᠯᠮᠦᠷᠢᠴᠢᠨ᠎ᠲᠤ ᠳᠣᠭᠢᠷᠠᠬᠤ ᠬᠠᠮᠢᠶᠠᠷᠤᠯᠲᠠ ᠵᠢᠨ ᠬᠡᠯᠪᠡᠷᠢ᠎ᠲᠠᠢ᠂ ᠣᠶᠤᠨ᠎ᠤ ᠬᠡᠯᠪᠡᠷᠢ᠎ᠲᠠᠢ᠂ ᠮᠡᠷᠭᠡᠵᠢᠯ᠎ᠤᠨ ᠴᠢᠨᠠᠷᠲᠠᠶ ᠠᠵᠢᠯ ᠤᠯᠭᠤᠬᠤ ᠠᠵᠢᠯ᠎ᠤᠨ ᠪᠠᠶ᠋ᠢᠷᠢ ᠵᠢ ᠬᠦᠴᠦᠯᠡᠨ ᠨᠡᠭᠡᠭᠡᠨ ᠬᠦᠭᠵᠢᠬᠦᠯᠦᠨ᠎ᠡ; ᠦᠢ᠍ᠯᠡᠴᠢᠯᠡᠭᠡᠨ᠎ᠤ ᠦᠢ᠍ᠯᠡᠰ᠎ᠢ ᠬᠥᠭᠵᠢᠭᠦᠯᠬᠦ ᠵᠢ ᠵᠣᠷᠢᠭᠵᠢᠭᠤᠯᠤᠨ ᠲᠡᠮᠵᠢᠵᠦ᠂ ᠬᠤᠳᠠ ᠬᠥᠳᠡᠭᠡ ᠵᠢᠨ ᠠᠵᠢᠯ ᠤᠯᠬᠤ ᠬᠦᠮᠦᠰ᠎ᠲᠤ ᠨᠡᠩ ᠭᠦᠢ᠍ᠴᠡᠳ ᠠᠵᠢᠯ ᠤᠯᠭᠤᠬᠤ ᠲᠣᠬᠢᠶᠠᠯ᠎ᠢ ᠡᠭᠦᠳᠴᠦ ᠦᠭᠭᠦᠨ᠎ᠡ; ᠰᠣᠶᠣᠯ ᠵᠢᠭᠤᠯᠴᠢᠯᠠᠯ᠂ ᠭᠡᠷ ᠪᠦᠯᠢ ᠵᠢᠨ ᠡᠷᠡᠭᠦᠯ ᠮᠡᠨᠳᠦ ᠵᠢᠨ   ᠦᠢ᠍ᠯᠡᠴᠢᠯᠡᠭᠡ ᠪᠤᠯᠤᠨ ᠨᠠᠰᠤᠵᠢᠯ᠎ᠤᠨ ᠠᠰᠠᠷᠠᠮᠵᠢ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ ᠵᠡᠷᠭᠡ ᠰᠢᠨ᠎ᠡ ᠬᠡᠯᠪᠡᠷᠢ ᠵᠢᠨ ᠠᠵᠤ ᠦᠢ᠍ᠯᠡᠰ᠂ ᠰᠢᠨ᠎ᠡ ᠡᠵᠡᠩᠨᠡᠯᠲᠡ ᠵᠢᠨ ᠬᠡᠯᠪᠡᠷᠢ ᠵᠢᠨ ᠬᠥᠭᠵᠢᠯᠲᠡ ᠵᠢ ᠢᠳᠡᠪᠬᠢᠲᠡᠶ᠎ᠪᠠᠷ ᠲᠡᠳᠬᠦᠨ ᠳᠡᠮᠵᠢᠨ᠎ᠡ; ᠳᠤᠮᠳᠠ ᠵᠢᠵᠢᠭ ᠪᠢᠴᠢᠯ ᠠᠵᠤ ᠠᠬᠤᠶ᠋ᠢᠯᠠᠯ᠂ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠳᠡᠮᠵᠢᠬᠦ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠠᠵᠤ ᠠᠬᠤᠶ᠋ᠢᠯᠠᠯ᠎ᠤᠨ ᠠᠵᠢᠯ ᠤᠯᠭᠤᠯᠲᠠ ᠵᠢ ᠰᠢᠮᠡᠳᠭᠡᠨ ᠠᠪᠬᠤ ᠴᠢᠳᠠᠪᠤᠷᠢ ᠵᠢ ᠨᠡᠮᠡᠭᠳᠡᠭᠦᠯᠦᠨ᠎ᠡ᠃
      ᠬᠣᠶᠠᠷ᠎ᠲᠤ ᠲᠣᠮᠣ ᠴᠢᠬᠤᠯᠠ ᠲᠥᠷᠥᠯ ᠵᠦᠢ᠍ᠯ᠎ᠢ ᠮᠥᠷᠳᠡᠨ ᠠᠵᠢᠯ ᠣᠯᠭᠣᠨ ᠲᠥᠪᠬᠢᠨᠡᠭᠦᠯᠬᠦ ᠠᠵᠢᠯ᠎ᠤᠨ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠭᠠᠵᠠᠷ ᠣᠷᠣᠨ᠎ᠤ ᠳᠠᠪᠠᠭᠤᠯᠢᠭ ᠠᠵᠤ ᠦᠢ᠍ᠯᠡᠰ ᠪᠣᠯᠤᠨ ᠰᠢᠨ᠎ᠡ᠎ᠪᠠᠷ ᠪᠠᠶ᠋ᠢᠭᠤᠯᠬᠤ᠂ ᠦᠷᠭᠦᠯᠵᠢᠯᠡᠨ ᠪᠠᠶ᠋ᠢᠭᠤᠯᠬᠤ ᠲᠣᠮᠣ ᠴᠢᠬᠤᠯᠠ ᠲᠥᠷᠥᠯ ᠵᠦᠢ᠍ᠯ᠎ᠳᠤ ᠲᠦᠰᠢᠭᠯᠡᠵᠦ᠂ ᠠᠵᠢᠯ᠎ᠤᠨ ᠪᠠᠶ᠋ᠢᠷᠢ ᠵᠢ ᠱᠠᠲᠤ ᠬᠤᠪᠢᠶᠠᠨ ᠨᠠᠢ᠌ᠳᠠᠪᠤᠷᠢᠵᠢᠭᠤᠯᠤᠨ ᠵᠣᠯᠭ᠋ᠠᠭᠤᠯᠬᠤ ᠠᠷᠭ᠎ᠠ ᠬᠡᠮᠵᠢᠶ᠎ᠡ ᠠᠪᠴᠤ᠂ ᠲᠣᠮᠣ ᠴᠢᠬᠤᠯᠠ ᠲᠥᠷᠥᠯ ᠵᠦᠢ᠍ᠯ᠎ᠤᠨ ᠠᠵᠢᠯᠴᠢᠨ ᠬᠡᠷᠡᠭᠯᠡᠬᠦ ᠠᠬᠢᠴᠠ ᠵᠢ ᠮᠥᠷᠳᠡᠬᠦ᠂ ᠢᠯᠠᠩᠭᠤᠶ᠎ᠠ ᠮᠡᠳᠡᠭᠡ ᠵᠠᠩᠭᠢ ᠵᠢ ᠵᠣᠯᠭ᠋ᠠᠭᠤᠯᠬᠤ᠂ ᠠᠵᠢᠯ᠎ᠤᠨ ᠪᠠᠶ᠋ᠢᠷᠢ ᠵᠢ ᠵᠣᠯᠭ᠋ᠠᠭᠤᠯᠬᠤ ᠪᠠ ᠪᠣᠯᠪᠠᠰᠤᠷᠠᠭᠤᠯᠤᠯ᠎ᠤᠨ ᠬᠡᠷᠡᠭᠴᠡᠭᠡ ᠵᠢ ᠴᠢᠩᠭ᠋ᠠᠳᠬᠠᠬᠤ ᠵᠣᠯᠭ᠋ᠠᠭᠤᠯᠬᠤ ᠪᠠᠢ᠌ᠩᠭᠤᠵᠢᠭᠤᠯᠤᠯᠲᠠ ᠵᠢᠨ ᠠᠵᠢᠯ᠎ᠢ ᠴᠢᠩᠭ᠋ᠠᠳᠬᠠᠵᠤ᠂ ᠠᠵᠢᠯ ᠣᠯᠭᠣᠬᠤ ᠠᠵᠢᠯ᠎ᠤᠨ ᠪᠠᠶ᠋ᠢᠷᠢ ᠵᠢ ᠢᠳᠡᠪᠬᠢᠲᠡᠶ᠎ᠪᠠᠷ ᠨᠡᠭᠡᠭᠡᠵᠤ᠂ ᠭᠠᠵᠠᠷ ᠣᠷᠣᠨ᠎ᠤ ᠠᠵᠢᠯ ᠣᠯᠭᠣᠯᠲᠠ ᠵᠢᠨ ᠬᠡᠪᠴᠢᠶ᠎ᠡ ᠵᠢ ᠲᠣᠭᠲᠠᠪᠤᠷᠢᠵᠢᠭᠤᠯᠤᠨ᠎ᠠ᠃
      ᠭᠤᠷᠪᠠ᠎ᠳᠤ ᠦᠢ᠍ᠯᠡᠳᠪᠦᠷᠢᠯᠡᠬᠦ ᠴᠢᠳᠠᠪᠤᠷᠢ ᠵᠢ ᠬᠠᠰᠤᠵᠤ 《ᠬᠦᠰᠢᠭᠦᠷᠡᠯ ᠠᠵᠤ ᠠᠬᠤᠢ᠌ᠯᠠᠯ》᠎ᠢ ᠰᠢᠢ᠍ᠳᠪᠦᠷᠢᠯᠡᠬᠦ ᠰᠢᠨ᠎ᠡ ᠱᠠᠭ᠋ᠠᠷᠳᠠᠯᠭ᠎ᠠ ᠵᠢᠨ ᠲᠣᠭᠣᠷᠢᠨ᠎ᠳᠤ᠂ ᠡᠯ᠎ᠡ ᠱᠠᠲᠤᠨ᠎ᠤ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠡᠷᠲᠡ ᠣᠷᠣᠯᠴᠠᠵᠤ᠂ ᠪᠦᠬᠦ ᠶᠠᠪᠤᠴᠠ᠎ᠳᠤ ᠣᠷᠣᠯᠴᠠᠵᠤ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ᠂ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ ᠬᠢᠬᠦ᠂ ᠠᠵᠢᠯ ᠣᠯᠭᠣᠯᠲᠠ᠎ᠳᠤ ᠬᠠᠪᠰᠤᠷᠤᠨ ᠲᠤᠰᠠᠯᠠᠬᠤ᠂ ᠠᠵᠢᠯ ᠣᠯᠭᠣᠬᠤ᠎ᠳᠤ ᠦᠢ᠍ᠯᠡᠴᠢᠯᠡᠬᠦ ᠵᠡᠷᠭᠡ ᠶᠡᠷᠦᠩᠬᠡᠶ᠋ᠢᠯᠡᠭᠰᠡᠨ ᠠᠷᠭ᠎ᠠ ᠬᠡᠮᠵᠢᠶ᠎ᠡ ᠠᠪᠴᠤ᠂ ᠰᠠᠯᠭ᠋ᠠᠨ ᠲᠣᠬᠢᠷᠠᠭᠤᠯᠬᠤ ᠠᠵᠢᠯᠳᠡᠠ ᠠᠵᠢᠯᠴᠢᠳ᠎ᠢ ᠬᠠᠪᠰᠤᠷᠤᠨ ᠳᠠᠬᠢᠨ ᠠᠵᠢᠯ ᠣᠯᠭᠣᠬᠤ ᠵᠢ ᠤᠷᠤᠭᠰᠢᠲᠠᠶ ᠪᠡᠶᠡᠯᠡᠭᠦᠯᠦᠨ᠎ᠡ᠃
      ᠬᠥᠲᠥᠯᠥᠭᠴᠢ᠄
      ᠲᠡᠭᠡᠪᠡᠯ ᠠᠳᠠᠯ ᠦᠢ᠍ᠯᠡᠰ ᠴᠣᠭᠴᠠᠯᠠᠬᠤ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ᠂ ᠠᠵᠢᠯ ᠣᠯᠭᠣᠯᠲᠠ ᠵᠢᠨ   ᠶᠡᠷᠦᠩᠬᠡᠢ ᠬᠡᠮᠵᠢᠶ᠎ᠡ ᠵᠢ ᠥᠷᠭᠡᠳᠬᠡᠬᠦ ᠲᠠᠯ᠎ᠠ᠎ᠪᠠᠷ ᠶᠠᠮᠠᠷ ᠶᠠᠮᠠᠷ ᠪᠣᠳᠠᠲᠠᠶ ᠬᠠᠷᠠᠯᠲᠠ ᠪᠠ ᠠᠷᠭ᠎ᠠ ᠬᠡᠮᠵᠢᠶ᠎ᠡ ᠪᠠᠢ᠌ᠬᠤ

ᠪᠤᠢ?
      ᠸᠠᠩ ᠶᠢᠦ ᠬᠣᠩ᠄
      ᠦᠢ᠍ᠯᠡᠳᠦᠯ ᠴᠢᠳᠠᠯ᠎ᠨᠢ ᠪᠦᠷᠢᠨ᠂ ᠨᠡᠪᠴᠢᠭᠦᠯᠬᠦ ᠴᠢᠳᠠᠪᠤᠷᠢ᠎ᠪᠠᠷ ᠨᠡᠯᠢᠶᠡᠳ ᠴᠢᠩᠭ᠎ᠠ᠂ ᠠᠵᠢᠯ ᠣᠯᠭᠣᠯᠲᠠ ᠵᠢ ᠳᠠᠶ᠋ᠢᠴᠢᠯᠠᠬᠤ ᠬᠡᠪᠴᠢᠶ᠎ᠡ᠎ᠪᠠᠷ ᠥᠷᠭᠡᠨ ᠪᠦᠬᠦᠢ ᠨᠢᠭᠡ ᠪᠦᠯᠦᠭ ᠠᠳᠠᠯ ᠦᠢ᠍ᠯᠡᠰ ᠴᠣᠭᠴᠠᠯᠠᠬᠤ ᠬᠦᠷᠢᠶᠡᠯᠡᠩ ᠪᠣᠯᠤᠨ ᠠᠳᠠᠯ ᠦᠢ᠍ᠯᠡᠰ ᠴᠣᠭᠴᠠᠯᠠᠬᠤ ᠨᠡᠪᠴᠢᠭᠥᠯᠤᠤᠷ᠎ᠤᠨ ᠰᠠᠭᠤᠷᠢᠨ ᠭᠠᠵᠠᠷ᠎ᠢ ᠪᠥᠳᠥᠭᠡᠨ ᠪᠠᠶ᠋ᠢᠭᠤᠯᠤᠨ᠎ᠠ᠃
      ᠨᠢᠭᠡ᠎ᠳᠤ ᠰᠠᠯᠠᠭ᠎ᠠ ᠮᠥᠴᠢᠷ᠎ᠤᠳ᠎ᠤᠨ ᠬᠠᠮᠵᠢᠯᠴᠠᠭ᠎ᠠ ᠵᠢ ᠴᠢᠩᠭ᠋ᠠᠳᠬᠠᠨ᠂ ᠠᠳᠠᠯ ᠦᠢ᠍ᠯᠡᠰ ᠴᠣᠭᠴᠠᠯᠠᠬᠤ ᠣᠷᠴᠢᠨ   ᠲᠣᠭᠣᠷᠢᠨ᠎ᠢ ᠰᠢᠯᠢᠳᠡᠭᠵᠢᠭᠦᠯᠵᠦ᠂ ᠠᠳᠠᠯ ᠦᠢ᠍ᠯᠡᠰ ᠴᠣᠭᠴᠠᠯᠠᠬᠤ ᠣᠷᠴᠢᠨ ᠨᠥᠬᠥᠴᠡᠯ᠎ᠢ ᠪᠤᠢ

ᠪᠣᠯᠭ᠋ᠠᠨ᠎ᠠ᠃
      ᠬᠣᠶᠠᠷ᠎ᠲᠤ ᠠᠳᠠᠯ ᠦᠢ᠍ᠯᠡᠰ ᠴᠣᠭᠴᠠᠯᠠᠬᠤ ᠬᠡᠯᠪᠡᠷᠢ ᠵᠢᠨ ᠬᠤᠳᠠ ᠵᠢ ᠡᠭᠦᠳᠦᠨ ᠪᠠᠶ᠋ᠢᠭᠤᠯᠬᠤ ᠠᠵᠢᠯ᠎ᠢ ᠲᠦᠯᠬᠢᠨ   ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠳᠠᠯ ᠦᠢ᠍ᠯᠡᠰ ᠴᠣᠭᠴᠠᠯᠠᠬᠤ ᠬᠡᠯᠪᠡᠷᠢ ᠵᠢᠨ ᠠᠶ᠋ᠢᠮᠠᠭ ᠬᠤᠳᠠ᠂ ᠬᠣᠰᠢᠭᠤ ᠰᠢᠶᠠᠨ᠎ᠢ ᠡᠭᠦᠳᠦᠨ ᠪᠠᠢ᠌ᠭᠤᠯᠬᠤ ᠵᠢ ᠦᠷᠭᠦᠯᠵᠢᠯᠡᠨ ᠬᠡᠷᠡᠭᠵᠢᠭᠦᠯᠵᠦ᠂ ᠠᠳᠠᠯ ᠦᠢ᠍ᠯᠡᠰ ᠴᠣᠭᠴᠠᠯᠠᠬᠤ ᠵᠢᠱ᠌ᠢᠶ᠎ᠡ ᠦᠵᠡᠭᠦᠯᠬᠦ ᠴᠢᠭ᠋᠎ᠢ ᠠᠳᠠᠯᠢᠳᠬᠠᠨ ᠰᠢᠯᠭ᠋ᠠᠷᠠᠭᠤᠯᠬᠤ ᠠᠵᠢᠯᠯᠠᠭ᠎ᠠ ᠵᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ᠃
      ᠭᠤᠷᠪᠠ᠎ᠳᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠠᠳᠠᠯ ᠦᠢ᠍ᠯᠡᠰ ᠴᠣᠭᠴᠠᠯᠠᠬᠤ ᠪᠣᠯᠪᠠᠰᠤᠷᠠᠭᠤᠯᠤᠯ᠎ᠢ ᠲᠦᠯᠬᠢᠨ ᠠᠬᠢᠭᠤᠯᠬᠤ ᠠᠵᠢᠯ᠎ᠤᠨ ᠲᠤᠬᠠᠶ ᠵᠢᠯᠣᠭᠣᠳᠬᠤ ᠰᠠᠨᠠᠯ᠎ᠢ ᠨᠠᠷᠢᠨ ᠬᠢᠨᠠᠮᠠᠭ᠋ᠠᠶ   ᠨᠠᠢ᠌ᠳᠠᠪᠤᠷᠢᠵᠢᠭᠤᠯᠤᠨ᠎ᠠ᠃ ᠵᠢᠯ᠎ᠤᠨ ᠳᠣᠲᠣᠷ᠎ᠠ 5 ᠲᠦᠮᠡ ᠬᠥᠮᠥᠨ᠎ᠳᠤ ᠠᠳᠠᠯ ᠦᠢ᠍ᠯᠡᠰ ᠴᠣᠭᠴᠠᠯᠠᠬᠤ ᠪᠣᠯᠪᠠᠰᠤᠷᠠᠭᠤᠯᠤᠯ ᠬᠢᠯᠭᠡᠵᠦ᠂ ᠪᠣᠯᠪᠠᠰᠤᠷᠠᠭᠤᠯᠤᠯ᠎ᠤᠨ ᠳᠠᠷᠠᠭ᠎ᠠ 4 ᠲᠦᠮᠡᠨ ᠬᠥᠮᠦᠨ᠎ᠢ ᠠᠮᠵᠢᠯᠲᠠ᠎ᠲᠠᠢ ᠠᠳᠠᠯ ᠦᠢ᠍ᠯᠡᠰ ᠴᠣᠭᠴᠠᠯᠠᠭᠤᠯᠵᠤ᠂   ᠠᠳᠠᠯ ᠦᠢ᠍ᠯᠡᠰ ᠴᠣᠭᠴᠠᠯᠠᠬᠤ᠎ᠪᠠᠷ ᠳᠠᠮᠵᠢᠭᠤᠯᠤᠨ 13 ᠲᠦᠮᠨ᠎ᠠᠴᠠ ᠳᠡᠭᠡᠭᠰᠢᠬᠢ ᠬᠥᠮᠦᠨ᠎ᠳᠤ ᠠᠵᠢᠯ ᠣᠯᠭᠣᠨ᠎ᠠ; ᠠᠳᠠᠯ ᠦᠢ᠍ᠯᠡᠰ ᠴᠣᠭᠴᠠᠯᠠᠬᠤ 15 ᠳ᠋ᠦᠩᠰᠢᠭᠤᠷ ᠲᠥᠭᠥᠷᠢᠭ᠎ᠤᠨ ᠳᠠᠭ᠋ᠠᠭ᠋ᠠᠯᠲᠠ ᠵᠢᠨ ᠵᠢᠭᠡᠯᠡᠯᠭᠡ ᠲᠠᠯᠪᠢᠨ᠎ᠠ᠃ ᠠᠳᠠᠯ ᠦᠢ᠍ᠯᠡᠰ ᠴᠣᠭᠴᠠᠯᠠᠬᠤ ᠪᠠᠭᠰᠢ ᠨᠠᠷ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠪᠠᠭᠰᠢ ᠵᠢᠨ ᠬᠠᠮᠢᠶᠠᠷᠤᠯᠲᠠ ᠵᠢᠨ ᠠᠵᠢᠯᠳᠠᠨ᠂ ᠵᠢᠭ᠋ᠠᠨ ᠰᠤᠷᠭ᠋ᠠᠬᠤ ᠠᠵᠢᠯᠳᠠᠨ᠎ᠢ ᠲᠦᠷᠦᠯ ᠬᠤᠪᠢᠶᠠᠨ ᠬᠠᠮᠢᠶᠠᠷᠬᠤ ᠲᠦᠷᠢᠮ᠎ᠢ ᠪᠠᠶ᠋ᠢᠭᠤᠯᠵᠤ᠂ ᠠᠵᠤ ᠠᠬᠤᠶ᠋ᠢᠯᠠᠯ᠎ᠤᠨ ᠪᠠᠭᠰᠢ ᠨᠠᠷ᠎ᠢ ᠠᠶ᠋ᠢᠮᠠᠭ ᠬᠤᠳᠠ ᠨᠢᠭᠡᠳᠦᠯᠲᠡᠶ ᠬᠠᠮᠢᠶᠠᠷᠬᠤ ᠲᠣᠭᠲᠠᠴᠠ ᠵᠢ ᠰᠦᠪᠡᠭᠴᠢᠯᠡᠨ ᠡᠭᠦᠳᠴᠦ᠂ ᠠᠳᠠᠯ ᠦᠢ᠍ᠯᠡᠰ ᠴᠣᠭᠴᠠᠯᠠᠬᠤ ᠪᠣᠯᠪᠠᠰᠤᠷᠠᠭᠤᠯᠤᠯ᠎ᠤᠨ ᠪᠠᠭᠰᠢ ᠨᠠᠷ᠎ᠢ ᠬᠠᠮᠢᠶᠠᠷᠬᠤ ᠠᠷᠭ᠎ᠠ ᠵᠢ ᠰᠤᠳᠤᠯᠤᠨ ᠲᠣᠭᠲᠠᠭ᠋ᠠᠨ᠎ᠠ᠃
      ᠲᠦᠷᠪᠡ᠎ᠳᠤ ᠰᠢᠨ᠎ᠡ ᠵᠢ ᠡᠭᠦᠳᠬᠦ ᠠᠳᠠᠯ ᠦᠢ᠍ᠯᠡᠰ ᠴᠣᠭᠴᠠᠯᠠᠬᠤ ᠦᠢ᠍ᠯᠡᠴᠢᠯᠡᠭᠡᠨ᠎ᠤ ᠲᠠᠪᠴᠠᠩ᠎ᠢ ᠪᠠᠶ᠋ᠢᠭᠤᠯᠤᠨ᠎ᠠ᠃   ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ᠂ ᠦᠢ᠍ᠯᠡᠴᠢᠯᠡᠭᠡᠨ᠎ᠤ ᠠᠭᠤᠯᠭ᠎ᠠ ᠵᠢ ᠤᠯᠠᠮ ᠲᠡᠭᠦᠯᠳᠡᠷᠵᠢᠭᠦᠯᠦᠨ ᠪᠦᠷᠢᠨᠰᠢᠭᠦᠯᠵᠦ᠂ ᠴᠢᠨᠠᠷ ᠰᠠᠶ᠋ᠢᠲᠠᠶ ᠦᠢ᠍ᠯᠡᠴᠢᠯᠡᠭᠡ ᠬᠠᠩᠭ᠋ᠠᠨ᠎ᠡ᠃ ᠠᠳᠠᠯ ᠦᠢ᠍ᠯᠡᠰ ᠴᠣᠭᠴᠠᠯᠠᠬᠤ ᠬᠦᠷᠢᠶᠡᠯᠡᠩ ᠪᠣᠯᠤᠨ ᠠᠳᠠᠯ ᠦᠢ᠍ᠯᠡᠰ ᠴᠣᠭᠴᠠᠯᠠᠬᠤ ᠨᠡᠪᠴᠢᠭᠥᠯᠤᠤᠷ᠎ᠤᠨ ᠰᠠᠭᠤᠷᠢᠨ ᠭᠠᠵᠠᠷ᠎ᠤᠨ ᠪᠥᠳᠥᠭᠡᠨ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂   ᠰᠢᠨ᠎ᠡ ᠵᠢ ᠡᠭᠦᠳᠬᠦ ᠨᠡᠪᠴᠢᠭᠥᠯᠤᠤᠷ᠎ᠤᠨ ᠴᠢᠳᠠᠪᠤᠷᠢ ᠵᠢ ᠳᠣᠪᠣᠢ᠌ᠯᠭ᠋ᠠᠵᠤ᠂ ᠡᠯ᠎ᠡ ᠲᠦᠷᠦᠯ᠎ᠤᠨ ᠪᠦᠯᠦᠭᠯᠡᠯ᠎ᠤᠨ ᠠᠳᠠᠯ ᠦᠢ᠍ᠯᠡᠰ ᠴᠣᠭᠴᠠᠯᠠᠬᠤ᠎ᠳᠤ ᠦᠢ᠍ᠯᠡᠴᠢᠯᠡᠬᠦ ᠬᠥᠭᠵᠢᠯᠲᠡ ᠵᠢᠨ ᠲᠠᠪᠴᠠᠩ ᠣᠯᠭᠤᠵᠤ᠂ ᠠᠳᠠᠯ ᠦᠢ᠍ᠯᠡᠰ ᠴᠣᠭᠴᠠᠯᠠᠬᠤ᠎ᠪᠠᠷ ᠳᠠᠮᠵᠢᠭᠤᠯᠤᠨ ᠨᠡᠡᠭ ᠤᠯᠠᠨ ᠬᠥᠮᠥᠰ᠎ᠲᠤ ᠠᠵᠢᠯ ᠣᠯᠭᠣᠨ᠎ᠠ᠃
      ᠬᠥᠲᠥᠯᠥᠭᠴᠢ᠄
      ᠰᠢᠨ᠎ᠡ ᠵᠢ ᠡᠭᠦᠳᠬᠦ ᠮᠡᠷᠭᠡᠵᠢᠯ ᠴᠢᠳᠠᠪᠤᠷᠢ ᠵᠢᠨ ᠪᠣᠯᠪᠠᠰᠤᠷᠠᠭᠤᠯᠤᠯ ᠬᠢᠬᠦ᠂ ᠠᠵᠢᠯ ᠣᠯᠭᠣᠯᠲᠠ ᠵᠢᠨ ᠪᠦᠲᠦᠴᠡ ᠵᠢᠨ ᠴᠢᠨᠠᠷᠲᠠᠶ ᠵᠥᠷᠢᠴᠡᠯ᠎ᠢ ᠪᠦᠲᠦᠮᠵᠢᠲᠡᠶ ᠠᠷᠢᠯᠭ᠋ᠠᠬᠤ ᠲᠠᠯ᠎ᠠ᠎ᠪᠠᠷ ᠶᠠᠮᠠᠷ ᠶᠠᠮᠠᠷ ᠪᠣᠳᠠᠲᠠᠶ ᠬᠠᠷᠠᠯᠲᠠ ᠪᠠ ᠠᠷᠭ᠎ᠠ ᠬᠡᠮᠵᠢᠶ᠎ᠡ ᠪᠠᠢ᠌ᠬᠤ ᠪᠤᠢ?
      ᠸᠠᠩ ᠶᠢᠦ ᠬᠣᠩ᠄
      ᠵᠢᠯ᠎ᠤᠨ ᠳᠣᠲᠣᠷ᠎ᠠ ᠨᠢᠭᠡ ᠪᠦᠯᠦᠭ ᠮᠡᠷᠭᠡᠵᠢᠯ ᠴᠢᠳᠠᠪᠤᠷᠢ ᠵᠢᠨ ᠪᠣᠯᠪᠠᠰᠤᠷᠠᠭᠤᠯᠤᠯ᠎ᠤᠨ ᠳᠦᠷᠦᠯ ᠳᠡᠮᠳᠡᠭ ᠪᠣᠯᠣᠨ ᠳᠠᠳᠤᠯᠭ᠎ᠠ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠢ ᠴᠣᠭᠴᠠᠯᠠᠨ ᠪᠠᠶ᠋ᠢᠭᠤᠯᠤᠨ᠎ᠠ᠃ ᠪᠣᠯᠪᠠᠰᠤᠷᠠᠭᠤᠯᠤᠯ ᠬᠦᠷᠲᠡᠭᠰᠡᠳ᠎ᠢ ᠥᠷᠭᠡᠨ ᠵᠶ᠋ᠠᠷ ᠬᠠᠮᠤᠷᠤᠭᠰᠠᠨ᠂ ᠪᠣᠯᠪᠠᠰᠤᠷᠠᠭᠤᠯᠤᠯ᠎ᠤᠨ ᠲᠥᠷᠥᠯ ᠵᠦᠢ᠍ᠯ᠎ᠢ ᠣᠯᠠᠨ ᠠᠷᠭ᠎ᠠ ᠬᠡᠯᠪᠡᠷᠢᠵᠢᠭᠰᠡᠨ᠂ ᠪᠣᠯᠪᠠᠰᠤᠷᠠᠭᠤᠯᠬᠤ ᠵᠡᠷᠭᠡ ᠳᠡᠰ᠎ᠢ ᠤᠯᠠᠨ ᠲᠡᠰ ᠳᠠᠪᠬᠤᠷᠭ᠋ᠠᠯᠠᠭᠰᠠᠨ᠂ ᠪᠣᠯᠪᠠᠰᠤᠷᠠᠭᠤᠯᠤᠯ᠎ᠤᠨ ᠠᠴᠢᠶᠠᠯᠠᠪᠤᠷᠢ ᠵᠢ ᠤᠯᠠᠨ ᠡᠰᠢᠵᠢᠯᠡᠭᠰᠡᠨ᠂ ᠪᠣᠯᠪᠠᠰᠤᠷᠠᠭᠤᠯᠤᠯ᠎ᠤᠨ ᠬᠠᠮᠢᠶᠠᠷᠤᠯᠲᠠ ᠵᠢ ᠪᠠᠷᠢᠮᠵᠢᠶᠠᠵᠢᠭᠤᠯᠤᠭᠰᠠᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠤᠨ ᠰᠢᠰᠲ᠋ᠧᠮᠵᠢ ᠪᠣᠯᠤᠨ ᠲᠣᠭᠲᠠᠴᠠ ᠵᠢ ᠢᠳᠡᠪᠬᠢᠲᠡᠶ ᠪᠠᠶ᠋ᠢᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠠᠵᠢᠯ ᠤᠯᠬᠤ ᠮᠡᠷᠭᠡᠵᠢᠯ ᠴᠢᠳᠠᠪᠤᠷᠢ ᠵᠢ ᠳᠡᠭᠡᠭᠰᠢᠯᠡᠭᠦᠯᠬᠦ ᠲᠥᠯᠥᠪᠯᠡᠭᠡ ᠵᠡᠷᠭᠡ ᠪᠣᠯᠪᠠᠰᠤᠷᠠᠭᠤᠯᠤᠯ᠎ᠢ ᠭᠣᠣᠯᠳᠠᠯᠭ᠎ᠠ᠎ᠲᠠᠢ ᠬᠢᠵᠦ᠂ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠳᠡᠭᠡᠭᠰᠢᠯᠡᠭᠦᠯᠦᠯᠲᠡ ᠵᠢ ᠲᠦᠯᠬᠢᠨ ᠠᠬᠢᠭᠤᠯᠤᠨ᠎ᠠ᠃
      ᠨᠢᠭᠡ᠎ᠳᠤ ᠠᠵᠢᠯ ᠣᠯᠭᠣᠬᠤ ᠮᠡᠷᠭᠡᠵᠢᠯ ᠴᠢᠳᠠᠪᠤᠷᠢ ᠵᠢᠨ ᠪᠣᠯᠪᠠᠰᠤᠷᠠᠭᠤᠯᠤᠯ᠎ᠤᠨ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ ᠪᠠ ᠬᠢᠨᠠᠨ ᠲᠤᠭᠲᠠᠭ᠋ᠠᠯᠲᠠ ᠵᠢᠨ ᠰᠦᠢ᠍ᠳᠬᠡᠯ ᠬᠤᠷᠢᠶᠠᠬᠤ ᠪᠠᠷᠢᠮᠵᠢᠶ᠎ᠠ ᠵᠡᠷᠭᠡ ᠵᠢ ᠵᠢᠷᠤᠮᠵᠢᠭᠤᠯᠬᠤ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠶ ᠮᠡᠳᠡᠭᠳᠡᠯ》᠎ᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠪᠣᠯᠪᠠᠰᠤᠷᠠᠭᠤᠯᠤᠯ᠎ᠤᠨ ᠨᠥᠬᠥᠪᠥᠷᠢ ᠵᠢᠨ ᠪᠠᠷᠢᠮᠵᠢᠶ᠎ᠠ ᠵᠢ ᠴᠠᠭ ᠲᠤᠬᠠᠶ᠎ᠳᠤᠨᠢ

ᠲᠣᠬᠢᠷᠠᠭᠤᠯᠵᠤ᠂ ᠤᠨᠴᠠᠯᠢᠭᠳᠤ ᠲᠥᠷᠥᠯ ᠲᠡᠮᠳᠡᠭᠲᠦ ᠪᠠ ᠰᠣᠳᠣᠨ ᠲᠤᠰᠬᠠᠶ ᠮᠡᠷᠭᠡᠵᠢᠯ᠎ᠤᠨ ᠪᠣᠯᠪᠠᠰᠤᠷᠠᠭᠤᠯᠤᠯ᠎ᠢ ᠭᠣᠣᠯᠳᠠᠯᠭ᠎ᠠ᠎ᠲᠠᠢ ᠰᠠᠶ᠋ᠢᠲᠤᠷ ᠠᠳᠬᠤᠵᠤ᠂ ᠪᠣᠯᠪᠠᠰᠤᠷᠠᠭᠤᠯᠤᠯ᠎ᠤᠨ ᠳᠡᠰ᠎ᠢ ᠳᠡᠭᠡᠭᠰᠢᠯᠡᠭᠦᠯᠦᠨ᠂ ᠵᠢᠯ᠎ᠤᠨ ᠳᠣᠲᠣᠷ᠎ᠠ᠂ ᠬᠣᠲᠠ ᠪᠠᠯᠭ᠋ᠠᠰᠤ ᠵᠢᠨ 13 ᠲᠦᠮᠡᠨ ᠬᠥᠮᠥᠨ᠎ᠳᠤ ᠮᠡᠷᠭᠡᠵᠢᠯ ᠴᠢᠳᠠᠪᠤᠷᠢ ᠵᠢᠨ ᠪᠣᠯᠪᠠᠰᠤᠷᠠᠭᠤᠯᠤᠯ ᠬᠥᠷᠲᠡᠭᠡᠵᠦ᠂ ᠪᠣᠯᠪᠠᠰᠤᠷᠠᠭᠤᠯᠤᠯ᠎ᠤᠨ ᠲᠠᠷᠠᠭ᠎ᠠ 11 ᠲᠦᠮᠡᠨ ᠬᠥᠮᠦᠨ᠎ᠳᠤ ᠠᠵᠢᠯ ᠣᠯᠭᠣᠨ᠎ᠡ᠃
      ᠬᠣᠶᠠᠷ᠎ᠲᠤ ᠳᠠᠳᠤᠯᠭ᠎ᠠ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠤᠨ ᠪᠥᠳᠥᠭᠡᠨ ᠪᠠᠶ᠋ᠢᠭᠤᠯᠤᠯᠲᠠ ᠵᠢ ᠢᠳᠡᠪᠬᠢᠲᠡᠶ   ᠪᠦᠷᠢᠨᠰᠢᠭᠦᠯᠦᠨ ᠠᠬᠢᠭᠤᠯᠤᠨ᠎ᠠ᠃ ᠠᠵᠢᠯ ᠣᠯᠭᠣᠬᠤ ᠮᠡᠷᠭᠡᠵᠢᠯ ᠴᠢᠳᠠᠪᠤᠷᠢ ᠵᠢᠨ ᠳᠠᠳᠤᠯᠭ᠎ᠠ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠤᠨ ᠲᠡᠳᠬᠦᠬᠦ ᠲᠥᠷᠥ ᠵᠢᠨ ᠪᠤᠳᠤᠯᠭ᠎ᠠ ᠵᠢ ᠲᠠᠰᠤᠷᠠᠯᠲᠠ ᠦᠭᠡᠢ ᠪᠦᠷᠢᠨᠰᠢᠭᠦᠯᠵᠦ᠂ ᠠᠵᠢᠯ ᠣᠯᠭᠣᠬᠤ ᠮᠡᠷᠭᠡᠵᠢᠯ ᠴᠢᠳᠠᠪᠤᠷᠢ ᠵᠢᠨ ᠳᠠᠳᠤᠯᠭ᠎ᠠ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠤᠨ 《ᠱᠠᠩᠨᠠᠯ ᠵᠶ᠋ᠠᠷ ᠨᠥᠬᠥᠪᠦᠷᠢ ᠵᠢ ᠣᠷᠣᠯᠠᠭᠤᠯᠬᠤ》 ᠲᠥᠷᠥᠯ ᠵᠦᠢ᠍ᠯ᠎ᠢ ᠦᠷᠭᠦᠯᠵᠢᠯᠡᠨ ᠬᠡᠷᠡᠭᠵᠢᠭᠦᠯᠵᠦ᠂ ᠳᠠᠳᠤᠯᠭ᠎ᠠ ᠪᠣᠯᠪᠠᠰᠤᠷᠠᠭᠤᠯᠤᠯ᠎ᠤᠨ ᠦᠷ᠎ᠡ ᠪᠦᠲᠦᠮᠵᠢ ᠵᠢ ᠲᠣᠪᠣᠢ᠌ᠯᠭ᠋ᠠᠵᠤ᠂   ᠪᠣᠯᠪᠠᠰᠤᠷᠠᠭᠤᠯᠤᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ᠂ ᠳᠠᠳᠤᠯᠭ᠎ᠠ ᠪᠣᠯᠪᠠᠰᠤᠷᠠᠭᠤᠯᠤᠯ᠎ᠤᠨ ᠴᠢᠳᠠᠪᠤᠷᠢ᠎ᠪᠠᠷ ᠴᠢᠩᠭ᠎ᠠ ᠂ ᠣᠷᠣᠨ ᠪᠦᠰᠡ ᠵᠢᠨ ᠨᠥᠯᠥᠭᠡᠯᠡᠬᠦ ᠬᠦᠴᠦᠨ ᠵᠶ᠋ᠡᠷ ᠶᠡᠬᠡ ᠳᠠᠳᠤᠯᠭ᠎ᠠ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠢ ᠴᠢᠬᠤᠯᠠᠴᠢᠯᠠᠨ ᠴᠣᠭᠴᠠᠯᠠᠨ ᠪᠠᠶ᠋ᠢᠭᠤᠯᠤᠨ᠎ᠠ᠃
      ᠭᠤᠷᠪᠠ᠎ᠳᠤ ᠠᠵᠢᠯ ᠣᠯᠭᠣᠬᠤ ᠪᠣᠯᠪᠠᠰᠤᠷᠠᠭᠤᠯᠤᠯ᠎ᠤᠨ ᠬᠠᠨᠳᠤᠯᠭ᠋ᠠᠲᠤ ᠴᠢᠨᠠᠷ᠎ᠢ ᠦᠨᠡᠨᠬᠦ ᠳᠡᠭᠡᠭᠰᠢᠯᠡᠭᠦᠯᠦᠨ᠎ᠡ᠃   ᠠᠵᠢᠯᠴᠢᠨ ᠡᠯᠰᠡᠬᠦ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ᠎ᠳᠤ ᠬᠦᠴᠢᠷᠲᠡᠢ ᠪᠠᠢ᠌ᠬᠤ ᠪᠠ ᠠᠵᠢᠯ ᠰᠣᠩᠭᠣᠬᠤ ᠠᠵᠢᠯ ᠤᠯᠬᠤ᠎ᠳᠤ ᠬᠦᠴᠢᠷᠲᠡᠶ ᠪᠠᠢ᠌ᠬᠤ ᠠᠰᠠᠭᠤᠳᠠᠯ᠎ᠢ ᠰᠢᠢ᠍ᠳᠪᠦᠷᠢᠯᠡᠬᠦ᠎ᠠᠴᠠ ᠭᠠᠷᠲᠠᠵᠤ᠂ ᠪᠣᠯᠪᠠᠰᠤᠷᠠᠭᠤᠯᠤᠯ᠎ᠤᠨ ᠶᠠᠰᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ 《ᠲᠤᠰᠬᠠᠶ ᠮᠡᠷᠭᠡᠵᠢᠯ᠎ᠢ

ᠰᠠᠭᠤᠷᠢᠠᠰᠢᠭᠤᠯᠬᠤ᠂ ᠰᠠᠭᠤᠷᠢᠨ ᠭᠠᠵᠠᠷ᠎ᠢ ᠠᠵᠤ ᠦᠢ᠍ᠯᠡᠰᠵᠢᠭᠦᠯᠬᠦ᠂ ᠠᠵᠤ ᠦᠢ᠍ᠯᠡᠰ᠎ᠢ ᠬᠡᠪᠴᠢᠶᠡᠵᠢᠭᠦᠯᠬᠦ》 ᠰᠢᠨ᠎ᠡ ᠡᠭᠦᠳᠦᠯᠲᠡ ᠵᠢᠨ ᠬᠥᠭᠵᠢᠯᠲᠡ ᠵᠢᠨ ᠵᠠᠭᠪᠤᠷ᠎ᠢ ᠬᠠᠢ᠌ᠨ ᠰᠥᠪᠡᠭᠴᠢᠯᠡᠵᠦ᠂   ᠨᠢᠭᠡᠴᠡ ᠲᠣᠭᠲᠠᠭ᠋ᠠᠬᠤ᠂ ᠬᠠᠨᠳᠤᠯᠠᠭ᠎ᠠ ᠲᠣᠭᠲᠠᠭ᠋ᠠᠬᠤ᠂ ᠠᠵᠢᠯ᠎ᠤᠨ ᠪᠠᠶ᠋ᠢᠷᠢ ᠲᠣᠭᠲᠠᠭ᠋ᠠᠬᠤ ᠪᠣᠯᠪᠠᠰᠤᠷᠠᠭᠤᠯᠤᠯ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ 《ᠭᠤᠷᠪᠠ ᠵᠢ ᠲᠣᠭᠲᠠᠭ᠋ᠠᠬᠤ》 ᠪᠣᠯᠪᠠᠰᠤᠷᠠᠭᠤᠯᠤᠯ᠎ᠳᠤ ᠣᠷᠣᠯᠴᠠᠬᠤ ᠬᠥᠮᠦᠰ᠎ᠤᠨ ᠡᠵᠡᠯᠡᠬᠦ ᠬᠠᠷᠢᠴᠠᠯ᠎ᠢ ᠯᠠᠪᠳᠠᠭᠤᠨ ᠵᠶ᠋ᠠᠷ ᠳᠡᠭᠡᠭᠰᠢᠯᠡᠭᠦᠯᠵᠦ᠂ ᠠᠳᠠᠯ ᠦᠢ᠍ᠯᠡᠰ ᠴᠣᠭᠴᠠᠯᠠᠬᠤ ᠪᠣᠯᠪᠠᠰᠤᠷᠠᠭᠤᠯᠤᠯ᠎ᠤᠨ ᠪᠦᠲᠦᠴᠡ ᠵᠢ ᠳᠡᠭᠡᠭᠰᠢᠯᠡᠭᠦᠯᠬᠦ ᠵᠢ ᠴᠢᠷᠮᠠᠶ᠋ᠢᠨ ᠰᠠᠢ᠌ᠵᠢᠷᠠᠭᠣᠯᠣᠨ᠎ᠠ᠃
      ᠬᠥᠲᠥᠯᠥᠭᠴᠢ᠄
      ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡᠪᠡᠷ ᠬᠡᠷᠡᠭᠯᠡᠨ᠂ ᠲᠠᠷᠢᠶᠠᠯᠠᠬᠤ ᠮᠠᠯᠵᠢᠬᠤ ᠣᠷᠣᠨ᠎ᠤ ᠦᠯᠡᠭᠦᠦ ᠬᠥᠳᠡᠯᠮᠦᠷᠢ ᠬᠦᠴᠦᠨ᠎ᠳᠤ ᠠᠵᠢᠯ ᠤᠯᠭᠤᠵᠤ ᠠᠳᠠᠯ ᠦᠢ᠍ᠯᠡᠰ ᠴᠤᠭᠴᠠᠯᠠᠬᠤ ᠵᠢ ᠬᠦᠴᠦ ᠲᠠᠯᠪᠢᠨ ᠠᠬᠢᠭᠤᠯᠬᠤ ᠲᠠᠯ᠎ᠠ᠎ᠪᠠᠷ ᠶᠠᠮᠠᠷ ᠶᠠᠮᠠᠷ ᠪᠣᠳᠠᠲᠠᠶ ᠬᠠᠷᠠᠯᠲᠠ ᠪᠠ ᠠᠷᠭ᠎ᠠ ᠬᠡᠮᠵᠢᠶ᠎ᠡ ᠪᠠᠢ᠌ᠬᠤ ᠪᠤᠢ?
      ᠸᠠᠩ ᠶᠢᠦ ᠬᠤᠩ᠄
      ᠵᠢᠯ᠎ᠤᠨ ᠳᠣᠲᠣᠷ᠎ᠠ ᠨᠢᠭᠡ ᠪᠦᠯᠦᠭ ᠠᠯᠳᠠᠷᠰᠢᠯ᠎ᠤᠨ ᠬᠡᠮᠵᠢᠶ᠎ᠡ᠎ᠪᠠᠷ ᠥᠨᠳᠥᠷ᠂ ᠠᠵᠢᠯ ᠣᠯᠭᠣᠯᠲᠠ ᠵᠢ ᠳᠠᠶ᠋ᠢᠴᠢᠯᠠᠬᠤ ᠦᠷ᠎ᠡ ᠪᠦᠲᠦᠮᠵᠢ ᠢᠯᠡᠷᠬᠡᠶ ᠬᠥᠳᠡᠯᠮᠦᠷᠢ ᠦᠢ᠍ᠯᠡᠴᠢᠯᠡᠭᠡᠨ᠎ᠤ ᠲᠥᠷᠥᠯ ᠳᠡᠮᠳᠡᠭᠲᠦ ᠵᠢ ᠦᠷᠭᠦᠯᠵᠢᠯᠡᠨ ᠪᠤᠢ᠌ᠵᠢᠭᠤᠯᠵᠤ ᠡᠭᠦᠳᠦᠨ᠎ᠡ᠃
      ᠨᠢᠭᠡ᠎ᠳᠤ ᠲᠦᠷᠦ ᠵᠢᠨ ᠪᠤᠳᠤᠯᠭ᠎ᠠ ᠵᠢᠨ ᠬᠦᠳᠡᠯᠭᠡᠭᠦᠷ ᠵᠶ᠋ᠡᠷ ᠳᠠᠮᠵᠢᠭᠤᠯᠤᠨ ᠠᠵᠤ ᠠᠬᠤᠢ᠌ᠯᠠᠯ᠎ᠤᠨ ᠬᠦᠭᠵᠢᠯᠲᠡ ᠵᠢ ᠬᠥᠲᠥᠯᠥᠨ ᠵᠢᠯᠣᠭᠣᠳᠴᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠲᠣᠭᠲᠠᠭᠤᠨ ᠠᠵᠢᠯ ᠤᠯᠭᠤᠵᠤ ᠠᠳᠠᠯ ᠦᠢ᠍ᠯᠡᠰ ᠴᠤᠭᠴᠠᠯᠠᠬᠤ ᠵᠢ᠎ᠨᠢ ᠠᠬᠢᠭᠤᠯᠤᠨ᠎ᠠ᠃ 《ᠮᠠᠯᠴᠢᠨ ᠲᠠᠷᠢᠶᠠᠴᠢᠨ ᠬᠦᠴᠦ ᠶᠠᠪᠤᠭᠰᠠᠳ᠎ᠲᠤ ᠦᠢ᠍ᠯᠡᠴᠢᠯᠡᠬᠦ ᠠᠵᠢᠯ᠎ᠢ ᠤᠯᠠᠮ ᠨᠢᠭᠡ ᠠᠯᠬᠤᠮ ᠰᠠᠶ᠋ᠢᠨ ᠬᠢᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》 ᠪᠠ 《ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠬᠥᠮᠦᠰ᠎ᠤᠨ ᠨᠤᠲᠤᠭ᠎ᠲᠠᠭᠠᠨ ᠪᠤᠴᠠᠵᠤ ᠠᠳᠠᠯ ᠦᠢ᠍ᠯᠡᠰ ᠴᠣᠭᠴᠠᠯᠠᠬᠤ ᠵᠢ᠎ᠨᠢ ᠳᠡᠮᠵᠢᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠤᠯᠠᠮᠵᠢᠯᠠᠨ ᠲᠠᠷᠬᠠᠭ᠋ᠠᠬᠤ ᠮᠡᠳᠡᠭᠳᠡᠯ》᠎ᠢ ᠪᠦᠬᠦ ᠲᠠᠯ᠎ᠠ᠎ᠪᠠᠷ ᠲᠤᠤᠱᠯᠠᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠦᠯᠡᠭᠦᠦ ᠬᠥᠳᠡᠯᠮᠦᠷᠢ ᠬᠦᠴᠦ ᠬᠣᠳᠠ ᠪᠠᠯᠭ᠋ᠠᠰᠣᠵᠢᠯᠳᠡ ᠵᠢᠨ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ᠎ᠪᠠᠷ ᠲᠦᠰᠢᠭ ᠪᠣᠯᠭ᠋ᠠᠨ᠂ ᠲᠠᠷᠢᠶᠠᠯᠠᠩ᠎ᠤᠨ ᠲᠤᠰᠠᠯᠠᠬᠤ ᠦᠢ᠍ᠯᠡᠳᠪᠦᠷᠢᠯᠡᠯ᠎ᠤᠨ ᠪᠦᠲᠦᠭᠡᠭᠳᠡᠬᠦᠨ᠎ᠤ ᠠᠷᠠᠯᠵᠢᠶ᠎ᠠ ᠰᠤᠯᠢᠯᠴᠠᠭ᠎ᠠ᠂ ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠡᠯᠭᠡ ᠵᠢᠨ ᠦᠢ᠍ᠯᠡᠴᠢᠯᠡᠭᠡ᠂ ᠵᠢᠭᠤᠯᠴᠢᠯᠠᠯ᠎ᠤᠨ ᠦᠢ᠍ᠯᠡᠴᠢᠯᠡᠭᠡ ᠵᠡᠷᠭᠡ᠎ᠪᠠᠷ ᠲᠠᠪᠴᠠᠩ ᠪᠣᠯᠭ᠋ᠠᠵᠤ᠂ ᠥᠪᠡᠷᠮᠢᠴᠡ ᠣᠨᠴᠠᠯᠢᠭ ᠪᠦᠬᠦᠢ ᠳᠠᠷᠢᠵᠤ ᠲᠡᠵᠢᠭᠡᠬᠦ ᠦᠢ᠍ᠯᠡᠰ᠂ ᠠᠮᠤ ᠪᠤᠳᠠᠭ᠎ᠠ ᠪᠣᠯᠪᠠᠰᠤᠷᠠᠭᠤᠯᠬᠤ ᠦᠢ᠍ᠯᠡᠰ ᠵᠡᠷᠭᠡ ᠣᠨᠴᠠᠯᠢᠭ ᠪᠦᠬᠦᠢ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠂ ᠲᠤᠰᠬᠠᠶ ᠬᠤᠷᠰᠢᠶᠠᠵᠢᠯ᠎ᠢ ᠬᠦᠭᠵᠢᠭᠦᠯᠵᠦ᠂ ᠲᠤᠬᠠᠶ ᠵᠢᠨ ᠭᠠᠵᠠᠷ᠎ᠲᠠᠭᠠᠨ ᠣᠶ᠋ᠢᠷ᠎ᠠ ᠬᠠᠪᠢ᠎ᠳᠠᠭᠠᠨ ᠰᠢᠯᠵᠢᠵᠦ ᠠᠵᠢᠯ ᠤᠯᠬᠤ ᠪᠠ ᠠᠳᠠᠯ ᠦᠢ᠍ᠯᠡᠰ ᠴᠣᠭᠴᠠᠯᠠᠬᠤ᠎ᠪᠠᠨ ᠠᠬᠢᠭᠤᠯᠬᠤ ᠵᠢ᠎ᠨᠢ ᠬᠥᠲᠥᠯᠥᠨ ᠵᠢᠯᠤᠭᠤᠳᠬᠤ ᠵᠤᠷᠢᠭᠵᠢᠭᠤᠯᠬᠤ ᠪᠠ ᠳᠡᠮᠵᠢᠯᠭᠡ ᠦᠵᠡᠭᠦᠯᠦᠨ᠎ᠡ᠃ ᠣᠨᠴᠠᠯᠢᠭ ᠪᠦᠬᠦᠢ ᠠᠵᠤ ᠦᠢ᠍ᠯᠡᠰ᠂ ᠢᠨᠲᠸᠷ ᠰᠦᠯᠵᠢᠶ᠎ᠡ +᠂ ᠬᠥᠳᠡᠭᠡ ᠲᠣᠰᠬᠣᠨ᠎ᠤ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠂ ᠭᠣᠣᠯᠳᠠᠯᠭ᠎ᠠ᠎ᠲᠠᠢ ᠢᠨᠵᠸᠨ᠋ᠸᠷᠢᠩ᠎ᠤᠨ ᠲᠦᠷᠦᠯ ᠵᠦᠢ᠍ᠯ᠂ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠂ ᠰᠢᠶᠠᠨ᠎ᠤ ᠬᠡᠪᠴᠢᠶᠡᠨ᠎ᠤ ᠠᠵᠤ ᠠᠬᠤᠶ ᠵᠢ ᠬᠥᠭᠵᠢᠭᠦᠯᠬᠦ᠎ᠲᠠᠢ ᠤᠶᠠᠯᠳᠤᠭᠤᠯᠵᠤ᠂ ᠵᠢᠵᠢᠭ ᠬᠣᠲᠠ ᠪᠠᠯᠭ᠋ᠠᠰᠤ ᠵᠡᠷᠭᠡ ᠵᠢ ᠪᠦᠲᠦᠭᠡᠨ ᠪᠠᠢ᠌ᠭᠤᠯᠬᠤ᠎ᠪᠠᠷ ᠳᠠᠮᠵᠢᠭᠤᠯᠤᠨ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠢ ᠬᠦᠲᠦᠯᠦᠨ ᠵᠢᠯᠤᠭᠤᠳᠴᠦ ᠠᠳᠠᠯ ᠦᠢ᠍ᠯᠡᠰ ᠴᠤᠭᠴᠠᠯᠠᠭᠤᠯᠤᠨ᠎ᠠ᠃
      ᠬᠣᠶᠠᠷ᠎ᠲᠤ ᠦᠢ᠍ᠯᠡᠴᠢᠯᠡᠭᠡ ᠵᠢ ᠰᠢᠯᠢᠳᠡᠭᠵᠢᠭᠦᠯᠵᠦ ᠮᠠᠯᠴᠢᠨ ᠲᠠᠷᠢᠶᠠᠴᠢᠳ᠎ᠤᠨ ᠠᠳᠠᠯ ᠦᠢ᠍ᠯᠡᠰ ᠴᠤᠭᠴᠠᠯᠠᠬᠤ᠎ᠳᠤᠨᠢ ᠬᠠᠪᠰᠤᠷᠤᠯᠭ᠎ᠠ ᠦᠵᠡᠭᠦᠯᠦᠨ᠎ᠡ᠃ ᠮᠠᠯᠴᠢᠨ ᠲᠠᠷᠢᠶᠠᠴᠢᠨ᠎ᠤ ᠮᠡᠷᠭᠡᠵᠢᠯ ᠴᠢᠳᠠᠪᠤᠷᠢ ᠵᠢᠨ ᠪᠤᠯᠪᠠᠰᠤᠷᠠᠭᠤᠯᠤᠯ᠎ᠢ ᠨᠡᠮᠡᠭᠳᠡᠭᠦᠯᠵᠦ᠂ ᠮᠠᠯᠴᠢᠨ ᠲᠠᠷᠢᠶᠠᠴᠢᠳ ᠵᠢᠨ ᠬᠡᠪ ᠴᠢᠨᠠᠷ᠎ᠢ ᠪᠦᠲᠦᠮᠵᠢᠲᠡᠶ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠲᠣᠭᠲᠠᠭᠤᠨ ᠠᠵᠢᠯ ᠤᠯᠬᠤ ᠵᠢ ᠠᠬᠢᠭᠤᠯᠤᠨ᠎ᠠ᠃ ᠵᠢᠯ᠎ᠤᠨ ᠳᠣᠲᠣᠷ᠎ᠠ 13 ᠲᠦᠮᠡᠨ ᠮᠠᠯᠴᠢᠨ ᠲᠠᠷᠢᠶᠠᠴᠢᠳ᠎ᠢ ᠰᠢᠯᠢᠵᠢᠭᠥᠯᠥᠨ ᠮᠡᠷᠭᠡᠵᠢᠯ ᠴᠢᠳᠠᠪᠤᠷᠢ ᠵᠢᠨ ᠪᠣᠯᠪᠠᠰᠤᠷᠠᠭᠤᠯᠤᠯ ᠬᠦᠷᠲᠡᠭᠡᠨ᠎ᠡ; ᠮᠠᠯᠴᠢᠨ ᠲᠠᠷᠢᠶᠠᠴᠢᠳ᠎ᠤᠨ ᠠᠳᠠᠯ ᠦᠢ᠍ᠯᠡᠰ ᠴᠣᠭᠴᠠᠯᠠᠬᠤ ᠨᠢᠭᠡ ᠪᠦᠯᠦᠭ ᠨᠡᠢ᠌ᠲᠡᠯᠢᠭ ᠵᠢᠱ᠌ᠢᠶ᠎ᠡ ᠵᠢ ᠪᠤᠢ᠌ᠵᠢᠭᠤᠯᠵᠤ᠂ ᠨᠡᠡᠭ ᠤᠯᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠨᠤᠲᠤᠭ᠎ᠲᠠᠭᠠᠨ ᠪᠤᠴᠠᠵᠤ ᠠᠳᠠᠯ ᠦᠢ᠍ᠯᠡᠰ ᠴᠤᠭᠴᠠᠯᠠᠬᠤ ᠵᠢ᠎ᠨᠢ ᠳᠠᠢ᠌ᠴᠢᠯᠠᠨ᠎ᠠ᠃
      ᠭᠤᠷᠪᠠ᠎ᠳᠤ ᠬᠥᠳᠡᠯᠮᠦᠷᠢ ᠦᠢ᠍ᠯᠡᠴᠢᠯᠡᠭᠡ ᠵᠢ ᠵᠣᠯᠭ᠋ᠠᠭᠤᠯᠬᠤ ᠵᠢ ᠥᠷᠭᠡᠳᠬᠡᠵᠦ᠂ ᠰᠢᠯᠵᠢᠭᠦᠯᠵᠦ ᠠᠵᠢᠯ ᠤᠯᠭᠤᠬᠤ ᠶᠡᠷᠦᠩᠬᠡᠶ ᠬᠡᠮᠵᠢᠶ᠎ᠡ ᠵᠢ ᠦᠷᠭᠡᠳᠬᠡᠨ᠎ᠡ᠃ ᠵᠡᠭᠦᠨ ᠪᠠᠷᠠᠭᠤᠨ ᠬᠡᠰᠡᠭ᠂ ᠪᠡᠭᠡᠵᠢᠩ ᠥᠪᠥᠷ ᠮᠣᠩᠭᠣᠯ᠂ ᠬᠦᠷᠰᠢ ᠵᠡᠷᠭᠡᠯᠡᠳᠡᠭᠡ ᠵᠡᠷᠭᠡ ᠵᠢᠨ ᠬᠥᠳᠡᠯᠮᠦᠷᠢ ᠦᠢ᠍ᠯᠡᠴᠢᠯᠡᠭᠡ ᠵᠢ ᠵᠣᠯᠭ᠋ᠠᠭᠤᠯᠬᠤ ᠵᠢ ᠡᠮᠬᠢ ᠵᠢᠷᠤᠮ᠎ᠲᠠᠢ ᠰᠠᠶ᠋ᠢᠲᠤᠷ ᠬᠢᠵᠦ᠂ ᠰᠢᠯᠵᠢᠬᠦ᠎ᠠᠴᠠ᠎ᠪᠠᠨ ᠡᠮᠦᠨᠡᠬᠢ ᠮᠡᠷᠭᠡᠵᠢᠯ ᠴᠢᠳᠠᠪᠤᠷᠢ ᠵᠢᠨ ᠪᠣᠯᠪᠠᠰᠤᠷᠠᠭᠤᠯᠤᠯ ᠪᠠ ᠠᠵᠢᠯ ᠮᠡᠷᠭᠡᠵᠢᠯ᠎ᠤᠨ ᠲᠠᠨᠢᠯᠴᠠᠭᠤᠯᠭ᠎ᠠ᠂ ᠰᠢᠯᠵᠢᠭᠦᠯᠬᠦ ᠳᠤᠮᠳᠠᠬᠢ ᠠᠵᠢᠯ᠎ᠤᠨ ᠪᠠᠶ᠋ᠢᠷᠢ ᠵᠢᠨ ᠵᠣᠯᠭ᠋ᠠᠭᠤᠯᠤᠯᠲᠠ ᠪᠠ ᠰᠢᠯᠵᠢᠭᠦᠯᠦᠭᠰᠡᠨ᠎ᠤ ᠳᠠᠷᠠᠭ᠋ᠠᠬᠢ ᠪᠠᠲᠤᠯᠠᠭ᠎ᠠ ᠵᠢᠨ ᠦᠢ᠍ᠯᠡᠴᠢᠯᠡᠭᠡ ᠵᠢ ᠰᠠᠢ᠌ᠲᠤᠷ ᠠᠳᠬᠤᠵᠤ᠂ ᠬᠥᠳᠡᠯᠮᠦᠷᠢ ᠦᠢ᠍ᠯᠡᠴᠢᠯᠡᠭᠡ ᠭᠠᠷᠭ᠋ᠠᠬᠤ ᠲᠦᠪᠯᠡᠷᠡᠯ᠎ᠤᠨ ᠭᠠᠵᠠᠷ ᠦᠢ᠍ᠯᠡᠴᠢᠯᠡᠭᠡᠨ᠎ᠤ ᠲᠥᠪ ᠪᠠᠢ᠌ᠭᠤᠯᠬᠤ ᠵᠢ᠎ᠨᠢ ᠵᠣᠷᠢᠭᠵᠢᠭᠤᠯᠤᠨ ᠳᠡᠮᠵᠢᠵᠦ᠂ ᠠᠵᠢᠯ ᠣᠯᠭᠣᠬᠤ ᠠᠳᠠᠯ ᠦᠢ᠍ᠯᠡᠰ ᠴᠤᠭᠴᠠᠯᠠᠬᠤ᠎ᠳᠤ ᠳᠦᠬᠦᠮ ᠲᠦᠳᠡ ᠦᠢ᠍ᠯᠡᠴᠢᠯᠡᠭᠡ ᠬᠠᠩᠭ᠋ᠠᠨ᠎ᠠ᠃
      ᠬᠥᠲᠥᠯᠥᠭᠴᠢ᠄
      ᠮᠠᠨ᠎ᠤ ᠣᠷᠣᠨ᠎ᠤ ᠭᠠᠵᠠᠷ ᠨᠤᠲᠤᠭ ᠥᠷᠭᠡᠨ ᠠᠭᠤᠳᠠᠮ ᠪᠦᠭᠡᠳ ᠣᠯᠠᠨ ᠦᠨᠳᠦᠰᠦᠲᠡᠨ ᠲᠦᠪᠯᠡᠷᠡᠨ ᠰᠠᠭᠤᠷᠢᠰᠢᠵᠤ᠂ ᠬᠥᠭᠵᠢᠯᠲᠡ ᠵᠢᠨ ᠪᠠᠶ᠋ᠢᠳᠠᠯ᠎ᠨᠢ ᠴᠦ᠍ ᠠᠳᠠᠯᠢ ᠦᠭᠡᠢ ᠪᠠᠢ᠌ᠳᠠᠭ᠃ 《ᠶᠠᠳᠠᠭᠤ ᠵᠢ ᠲᠡᠳᠬᠦᠬᠦ ᠰᠢᠪᠲᠤᠯᠤᠯᠲᠠ ᠵᠢᠨ ᠢᠨᠵᠧᠨᠧᠷᠢᠩ ᠪᠣᠯᠤᠨ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠮᠠᠯᠵᠢᠬᠤ ᠲᠠᠷᠢᠶᠠᠯᠠᠬᠤ ᠣᠷᠣᠨ ᠲᠡᠰᠢ ᠤᠷᠲᠤᠳᠬᠠᠬᠤ ᠪᠣᠯ ᠡᠷᠬᠡᠪᠰᠢ ᠨᠥᠬᠥᠵᠦ ᠪᠦᠷᠢᠳᠦᠭᠦᠯᠬᠦ ᠳᠤᠲᠠᠮᠠᠭ ᠲᠠᠯ᠎ᠠ ᠮᠦᠨ ᠪᠦᠭᠡᠳ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠪᠠᠶ᠋ᠢᠯᠳᠤᠬᠤ ᠪᠤᠳᠤᠯᠭ᠎ᠠ ᠵᠢᠨ ᠬᠠᠷᠠᠯᠲᠠ ᠵᠢ ᠬᠤᠭᠤᠴᠠᠭ᠎ᠠ ᠶᠣᠰᠣᠭ᠋ᠠᠷ ᠪᠡᠶᠡᠯᠡᠭᠦᠯᠬᠦ᠎ᠳᠤ ᠰᠢᠢ᠍ᠳᠪᠦᠷᠢᠯᠡᠭᠴᠢ ᠠᠴᠢ ᠬᠣᠯᠪᠣᠭᠳᠠᠯ᠎ᠲᠠᠢ ᠶᠤᠮ᠃ ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠦᠨᠳᠦᠰᠦ ᠪᠤᠯᠤᠭᠰᠠᠨ᠎ᠤ ᠬᠤᠪᠢ᠎ᠳᠤ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠰᠢᠪᠲᠤᠯᠤᠯᠲᠠ ᠵᠢᠨ ᠢᠨᠵᠧᠨᠧᠷᠢᠩ᠎ᠳᠤ ᠶᠠᠮᠠᠷ ᠬᠦᠨᠳᠦ ᠡᠭᠦᠷᠭᠡ ᠵᠢ ᠡᠭᠦᠷᠭᠡᠯᠡᠵᠦ ᠪᠠᠶ᠋ᠢᠨ᠎ᠠ ᠪᠤᠢ?
      ᠸᠠᠩ ᠶᠢᠤ ᠬᠤᠩ᠄
      ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦᠨ᠎ᠳᠤ ᠠᠵᠢᠯ ᠤᠯᠭᠤᠬᠤ ᠠᠳᠠᠯ ᠦᠢ᠍ᠯᠡᠰ ᠴᠤᠭᠴᠠᠯᠠᠭᠤᠯᠬᠤ ᠪᠣᠯ ᠮᠠᠯᠴᠢᠨ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠪᠠ ᠲᠤᠢ᠌ᠯ᠎ᠤᠨ ᠤᠨᠤᠪᠴᠢᠲᠠᠢ᠎ᠪᠠᠷ ᠶᠠᠳᠠᠭᠤ ᠵᠢ ᠲᠡᠳᠬᠦᠬᠦ ᠠᠵᠢᠯ᠎ᠤᠨ ᠵᠠᠩᠭᠢᠯᠠᠭ᠎ᠠ ᠵᠢᠨ ᠭᠣᠭᠴᠣᠭ᠎ᠠ ᠮᠦᠨ᠂ ᠪᠢᠳᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠡᠷᠡᠰ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠠᠵᠢᠯ ᠤᠯᠭᠤᠯᠲᠠ᠎ᠪᠠᠷ ᠶᠠᠳᠠᠭᠤ ᠵᠢ ᠲᠡᠳᠬᠦᠬᠦ ᠠᠵᠢᠯᠯᠠᠭ᠎ᠠ ᠵᠢ ᠶᠡᠬᠡᠪᠡᠷ ᠬᠡᠷᠡᠭᠵᠢᠭᠦᠯᠬᠦ᠎ᠪᠠᠷ ᠳᠠᠮᠵᠢᠭᠤᠯᠤᠨ᠂ ᠠᠵᠢᠯ ᠤᠯᠬᠤ ᠠᠳᠠᠯ ᠦᠢ᠍ᠯᠡᠰ ᠴᠤᠭᠴᠠᠯᠠᠬᠤ ᠬᠦᠰᠡᠯ ᠡᠷᠡᠮᠡᠯᠵᠡᠯ᠎ᠲᠠᠢ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦ ᠵᠢ ᠬᠠᠪᠰᠤᠷᠤᠨ ᠠᠵᠢᠯ ᠤᠯᠭᠤᠵᠤ ᠠᠳᠠᠯ ᠦᠢ᠍ᠯᠡᠰ ᠴᠤᠭᠴᠠᠯᠠᠬᠤ᠎ᠪᠠᠷ ᠳᠠᠮᠵᠢᠭᠤᠯᠤᠨ ᠶᠠᠳᠠᠭᠤ᠎ᠠᠴᠠ ᠠᠩᠭᠢᠵᠢᠷᠠᠨ ᠪᠠᠶᠠᠵᠢᠬᠤ ᠵᠢ᠎ᠨᠢ ᠪᠡᠶᠡᠯᠡᠭᠦᠯᠦᠨ᠎ᠡ᠃ 2019 ᠣᠨ ᠪᠣᠯᠬᠤ᠎ᠳᠤ᠂ ᠭᠤᠷᠪᠠ ᠵᠢ ᠦᠨᠡᠨᠬᠦ ᠪᠠᠲᠤᠯᠠᠬᠤ ᠬᠠᠷᠠᠯᠲᠠ ᠵᠢ ᠪᠡᠶᠡᠯᠡᠭᠦᠯᠦᠨ᠎ᠡ᠄
      ᠨᠢᠭᠡ᠎ᠳᠤ ᠶᠠᠳᠠᠭᠤ ᠬᠦᠴᠢᠷᠳᠡᠯᠲᠡᠶ ᠭᠡᠷ ᠪᠦᠯᠢ ᠵᠢᠨ ᠠᠵᠢᠯ ᠤᠯᠬᠤ ᠠᠳᠠᠯ ᠦᠢ᠍ᠯᠡᠰ ᠴᠤᠭᠴᠠᠯᠠᠬᠤ ᠬᠦᠰᠡᠯ ᠡᠷᠡᠮᠡᠯᠵᠡᠯ ᠪᠠ ᠴᠢᠳᠠᠪᠤᠷᠢ᠎ᠲᠠᠢ ᠬᠥᠳᠡᠯᠮᠦᠷᠢ ᠬᠦᠴᠦᠨ᠎ᠳᠤ 《ᠨᠢᠭᠡ᠎ᠲᠤ ᠨᠢᠭᠡ ᠵᠢ ᠳᠠᠭ᠋ᠠᠭ᠋ᠠᠴᠢᠯᠠᠭᠤᠯᠬᠤ》 ᠨᠠᠷᠢᠯᠢᠭᠵᠢᠭᠤᠯᠤᠭᠰᠠᠨ ᠦᠢ᠍ᠯᠡᠴᠢᠯᠡᠭᠡ ᠬᠠᠩᠭ᠋ᠠᠬᠤ ᠵᠢ ᠦᠨᠡᠨ ᠬᠦ᠌ ᠪᠠᠲᠤᠯᠠᠨ᠎ᠠ; ᠬᠣᠶᠠᠷ᠎ᠲᠤ ᠶᠠᠳᠠᠭᠤ ᠬᠦᠴᠢᠷᠳᠡᠯᠲᠡᠶ ᠭᠡᠷ ᠪᠦᠯᠢ ᠵᠢᠨ ᠠᠵᠢᠯ ᠤᠯᠬᠤ ᠬᠦᠰᠡᠯ ᠡᠷᠡᠮᠡᠯᠵᠡᠯ ᠪᠠ ᠴᠢᠳᠠᠪᠤᠷᠢ᠎ᠲᠠᠢ ᠪᠠᠶ᠋ᠢᠬᠤ ᠬᠥᠳᠡᠯᠮᠦᠷᠢ ᠬᠦᠴᠦ᠎ᠳᠤ ᠨᠠᠭ᠋ᠠᠳᠤ ᠵᠠᠬ᠎ᠠ᠎ᠳᠠᠭᠠᠨ ᠨᠢᠭᠡ ᠬᠦᠮᠦᠨ᠎ᠳᠤᠨᠢ ᠠᠵᠢᠯ ᠤᠯᠭᠤᠬᠤ ᠵᠢ ᠦᠨᠡᠨ ᠬᠦ᠌ ᠪᠠᠲᠤᠯᠠᠨ᠎ᠠ; ᠭᠤᠷᠪᠠ᠎ᠳᠤ ᠶᠠᠳᠠᠭᠤ ᠬᠦᠴᠢᠷᠳᠡᠯᠲᠡᠶ ᠭᠡᠷ ᠪᠦᠯᠢ ᠵᠢᠨ ᠪᠤᠯᠪᠠᠰᠤᠷᠠᠭᠤᠯᠤᠯ ᠬᠦᠷᠲᠡᠬᠦ ᠬᠦᠰᠡᠯ ᠡᠷᠡᠮᠡᠯᠵᠡᠯ᠎ᠲᠠᠢ ᠬᠦᠳᠡᠯᠮᠦᠷᠢ ᠬᠦᠴᠦ᠎ᠳᠤ ᠠᠵᠢᠯ ᠤᠯᠬᠤ ᠮᠡᠷᠭᠡᠵᠢᠯ ᠴᠢᠳᠠᠪᠤᠷᠢ ᠵᠢᠨ ᠪᠣᠯᠪᠠᠰᠤᠷᠠᠭᠤᠯᠤᠯ ᠬᠦᠷᠲᠡᠭᠡᠵᠦ᠂ ᠠᠵᠢᠯ ᠤᠯᠬᠤ ᠨᠢᠭᠡᠨ ᠮᠡᠷᠭᠡᠵᠢᠯ ᠴᠢᠳᠠᠪᠤᠷᠢ ᠵᠢ ᠡᠵᠡᠮᠰᠢᠭᠦᠯᠬᠦ ᠵᠢ ᠦᠨᠡᠨ ᠬᠦ᠌ ᠪᠠᠲᠤᠯᠠᠨ᠎ᠠ᠃ ᠡᠨᠡ ᠵᠢᠯ᠎ᠠᠴᠠ ᠡᠬᠢᠯᠡᠨ᠂ ᠳᠥᠷᠪᠡᠨ ᠵᠢᠯ᠎ᠳᠤ 26 ᠲᠦᠮᠡ ᠣᠷᠴᠢᠮ᠎ᠤᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ᠎ᠳᠤ ᠠᠵᠢᠯ ᠤᠯᠭᠤᠨ ᠶᠠᠳᠠᠭᠤ ᠵᠢ ᠲᠡᠳᠬᠦᠬᠦ ᠡᠭᠦᠷᠭᠡ ᠵᠢ ᠪᠡᠶᠡᠯᠡᠭᠦᠯᠵᠦ᠂ 2016 ᠣᠨ᠎ᠳᠤ ᠡᠭᠦᠷᠭᠡ ᠵᠢᠨ ᠶᠡᠷᠦᠩᠬᠡᠶ ᠲᠣᠭ᠋ᠠᠨ᠎ᠤ 30% ᠵᠢ ᠪᠡᠶᠡᠯᠡᠭᠦᠯᠵᠦ᠂ 2017 ᠣᠨ᠂ 2018 ᠣᠨ᠎ᠳᠤ ᠲᠤᠰ ᠲᠤᠰ 25% ᠵᠢ ᠪᠡᠶᠡᠯᠡᠭᠦᠯᠵᠦ᠂ 2019 ᠤᠨ᠎ᠳᠤ 20% ᠵᠢ ᠪᠡᠶᠡᠯᠡᠭᠦᠯᠦᠨ᠎ᠡ᠃
      ᠬᠥᠲᠥᠯᠥᠭᠴᠢ᠄
      ᠸᠠᠩ ᠲᠣᠪᠴᠢᠶᠠᠨ ᠳᠠᠷᠤᠭ᠎ᠠ ᠡ᠂ ᠲᠠ ᠮᠠᠨ᠎ᠳᠤ ᠠᠵᠢᠯ ᠣᠯᠭᠣᠯᠲᠠ᠎ᠪᠠᠷ ᠶᠠᠳᠠᠭᠤ ᠵᠢ ᠲᠡᠳᠬᠦᠬᠦ ᠠᠵᠢᠯᠯᠠᠭ᠎ᠠ᠎ᠨᠢ ᠭᠣᠣᠯᠳᠠᠭᠤ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠬᠠᠷᠠᠯᠲᠠᠲᠤ ᠡᠭᠦᠷᠭᠡ᠎ᠪᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠲᠤᠬᠠᠢ ᠶᠠᠷᠢᠭ᠋ᠠᠳ ᠦᠭᠭᠦᠨ᠎ᠡ ᠤᠤ?
      ᠸᠠᠩ ᠶᠢᠤ ᠬᠤᠩ᠄
      ᠭᠤᠤᠯᠳᠠᠭᠤ ᠵᠢᠷᠭᠤᠭ᠎ᠠ ᠵᠢ 《ᠭᠠᠴᠠᠭ᠎ᠠ ᠡᠷᠦᠬᠡ᠎ᠳᠤ ᠤᠷᠤᠭᠤᠯᠬᠤ》 (ᠲᠥᠷᠥ ᠵᠢᠨ ᠪᠣᠳᠣᠯᠭ᠎ᠠ ᠵᠢᠨ ᠲᠡᠳᠬᠦᠮᠵᠢ ᠵᠢ ᠭᠠᠴᠠᠭ᠎ᠠ ᠡᠷᠦᠬᠡ ᠎ᠳᠤ ᠤᠷᠤᠭᠤᠯᠬᠤ᠂ ᠮᠡᠷᠭᠡᠵᠢᠯ ᠴᠢᠳᠠᠪᠤᠷᠢ ᠵᠢᠨ ᠪᠣᠯᠪᠠᠰᠤᠷᠠᠭᠤᠯᠤᠯ᠎ᠢ ᠭᠠᠴᠠᠭ᠎ᠠ ᠡᠷᠦᠬᠡ᠎ᠳᠤ ᠤᠷᠤᠭᠤᠯᠬᠤ᠂ ᠬᠦᠷᠢᠶᠡᠯᠡᠩ ᠲᠣᠭᠣᠷᠢᠭ᠎ᠤᠨ ᠪᠥᠳᠥᠭᠡᠨ ᠪᠠᠶ᠋ᠢᠭᠤᠯᠤᠯᠲᠠ ᠵᠢ ᠭᠠᠴᠠᠭ᠎ᠠ ᠡᠷᠦᠬᠡ᠎ᠳᠤ ᠤᠷᠤᠭᠤᠯᠬᠤ᠂ ᠠᠵᠢᠯ᠎ᠤᠨ ᠪᠠᠶ᠋ᠢᠷᠢ ᠵᠢᠨ ᠬᠠᠪᠰᠤᠷᠤᠯᠭ᠎ᠠ ᠵᠢ ᠭᠠᠴᠠᠭ᠎ᠠ ᠡᠷᠦᠬᠡ᠎ᠳᠤ ᠤᠷᠤᠭᠤᠯᠬᠤ᠂ ᠨᠠᠷᠢᠯᠢᠭ ᠣᠨᠣᠴᠢᠲᠠᠶ ᠦᠢ᠍ᠯᠡᠴᠢᠯᠡᠭᠡ ᠵᠢ ᠭᠠᠴᠠᠭ᠎ᠠ ᠡᠷᠦᠬᠡ᠎ᠳᠤ ᠤᠷᠤᠭᠤᠯᠬᠤ᠂ ᠮᠡᠳᠡᠭᠡ ᠵᠠᠩᠭᠢ ᠵᠢᠨ ᠡᠬᠡ ᠲᠡᠡᠭᠰᠠ ᠵᠢ ᠭᠠᠴᠠᠭ᠎ᠠ ᠡᠷᠦᠬᠡ᠎ᠳᠤ ᠤᠷᠤᠭᠤᠯᠬᠤ) ᠵᠢ ᠬᠡᠷᠡᠭᠵᠢᠭᠦᠯᠬᠦ᠎ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠬᠦᠳᠡᠯᠮᠦᠷᠴᠢᠳ᠎ᠲᠤ ᠠᠵᠢᠯ ᠤᠯᠭᠤᠨ ᠠᠳᠠᠯ ᠦᠢ᠍ᠯᠡᠰ ᠴᠤᠭᠴᠠᠯᠠᠵᠤ ᠶᠠᠳᠠᠭᠤ᠎ᠠᠴᠠ ᠠᠩᠭᠢᠵᠢᠷᠠᠬᠤ ᠵᠢ ᠠᠬᠢᠭᠤᠯᠵᠤ᠂ 《ᠨᠢᠭᠡ ᠬᠦᠮᠦᠨ᠎ᠳᠤ ᠠᠵᠢᠯ ᠤᠯᠭᠤᠪᠠᠯ᠂ ᠨᠢᠭᠡ ᠬᠥᠮᠦᠨ ᠶᠠᠳᠠᠭᠤ᠎ᠠᠴᠠ ᠠᠩᠭᠢᠵᠢᠷᠠᠭᠤᠯᠬᠤ》 ᠬᠠᠷᠠᠯᠲᠠ ᠵᠢ ᠴᠢᠷᠮᠠᠢ᠌ᠨ ᠪᠡᠶᠡᠯᠡᠭᠦᠯᠦᠨ᠎ᠡ᠃

      ᠬᠥᠲᠥᠯᠥᠭᠴᠢ᠄

      ᠵᠠ ᠰᠡᠢ᠍ᠢ᠍ᠠ ᠪᠤᠯᠤᠯ᠎ᠠ᠂ ᠸᠠᠩ ᠲᠣᠪᠴᠢᠶᠠᠨ ᠳᠠᠷᠤᠭ᠎ᠠ ᠵᠢᠨ ᠲᠠᠢ᠌ᠯᠪᠤᠷᠢᠯᠠᠭᠰᠠᠨ᠎ᠳᠤ ᠲᠤᠩ ᠲᠠᠯᠠᠷᠬᠠᠵᠤ ᠪᠠᠢ᠌ᠨ᠎ᠠ᠂ ᠮᠦᠨᠴᠦ ᠰᠦᠯᠵᠢᠶᠡᠨ ᠠᠨᠳᠠ ᠨᠠᠷ᠎ᠤᠨ ᠤᠷᠤᠯᠴᠠᠭᠰᠠᠨ᠎ᠳᠤ ᠲᠠᠯᠠᠷᠬᠠᠵᠤ ᠪᠠᠶ᠋ᠢᠨ᠎ᠠ᠂ ᠲᠤᠰ ᠬᠤᠭᠤᠴᠠᠭ᠋ᠠᠨ᠎ᠳᠤ ᠰᠤᠷᠪᠤᠯᠵᠢᠯᠠᠭ᠎ᠠ ᠡᠨᠳᠡ ᠬᠦᠷᠦᠭᠡᠳ ᠦᠨᠳᠦᠷᠯᠡᠯ᠎ᠡ᠂ ᠳᠠᠷᠠᠭ᠋ᠠᠴᠢ ᠵᠢᠨ ᠬᠤᠭᠤᠴᠠᠭ᠋ᠠᠨ᠎ᠳᠤ ᠪᠠᠶᠠᠷᠲᠠᠢ ᠵᠤᠯᠭ᠋ᠠᠶ᠎ᠠ!


      ᠦᠪᠡᠷᠲᠡᠭᠡᠨ ᠵᠠᠰᠠᠬᠤ ᠤᠷᠤᠨ᠎ᠤ ᠠᠵᠢᠯ ᠤᠯᠭᠤᠬᠤ ᠲᠤᠪᠴᠢᠶ᠎ᠠ ᠵᠢᠨ ᠳᠠᠷᠤᠭ᠎ᠠ ᠸᠠᠩ ᠶᠢᠦ ᠬᠤᠩ ᠦᠪᠦᠷ ᠮᠤᠩᠭᠤᠯ᠎ᠤᠨ ᠵᠡᠭᠦᠨ ᠭᠡᠰᠡᠭ᠎ᠤᠨ ᠠᠳᠠᠯ ᠦᠢ᠍ᠯᠡᠰ ᠴᠤᠭᠴᠠᠯᠠᠬᠤ ᠬᠦᠷᠢᠶᠡᠯᠡᠩ᠎ᠤᠨ ᠢᠯᠡᠷᠬᠡᠢ᠌ᠯᠡᠯ᠎ᠢ ᠰᠡᠬᠦᠵᠦ ᠦᠭᠪᠡ

      ᠦᠪᠡᠷᠲᠡᠭᠡᠨ ᠵᠠᠰᠠᠬᠤ ᠤᠷᠤᠨ᠎ᠤ ᠠᠵᠢᠯ ᠤᠯᠭᠤᠬᠤ ᠲᠤᠪᠴᠢᠶ᠎ᠠ ᠵᠢᠨ ᠳᠠᠷᠤᠭ᠎ᠠ ᠸᠠᠩ ᠶᠢᠦ ᠬᠤᠩ ᠪᠠᠶᠠᠨᠨᠠᠭᠤᠷ ᠬᠤᠲᠠ ᠵᠢᠨ ᠠᠳᠠᠯ ᠦᠢ᠍ᠯᠡᠰ ᠴᠤᠭᠴᠠᠯᠠᠬᠤ ᠠᠵᠢᠯ ᠤᠯᠭᠤᠬᠤ ᠨᠡᠪᠴᠢᠭᠦᠯᠦᠷ᠎ᠤᠨ ᠲᠦᠪ᠎ᠲᠤ ᠰᠠᠭᠤᠭ᠎ᠠ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ᠎ᠲᠠᠢ ᠶᠠᠷᠢᠯᠴᠠᠵᠤ ᠪᠠᠢ᠌ᠭ᠎ᠠ᠎ᠨᠢ


ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢᠨ ᠲᠤᠭᠤᠷᠢᠨ᠎ᠳᠤ᠂ ᠪᠦᠲᠦᠮᠵᠢᠲᠡᠶ ᠪᠡᠯᠡ ᠣᠷᠣᠭᠤᠯᠤᠯᠲᠠ ᠪᠠ ᠲᠥᠷᠥᠯ ᠵᠦᠢ᠍ᠯ᠎ᠤᠨ ᠪᠥᠳᠥᠭᠡᠨ ᠪᠠᠶ᠋ᠢᠭᠤᠯᠤᠯᠲᠠ ᠵᠢ ᠬᠦᠴᠦᠲᠡᠶ ᠠᠳᠬᠤᠰᠤᠭ᠋ᠠᠢ
ᠬᠣᠲᠠ ᠵᠢᠨ ᠲᠥᠯᠥᠪᠵᠢᠭᠦᠯᠭᠡ ᠵᠢᠨ ᠵᠢᠷᠤᠭ ᠲᠥᠯᠥᠪᠯᠡᠭᠡ ᠵᠢ ᠰᠠᠢ᠌ᠲᠤᠷ ᠵᠢᠷᠤᠰᠤᠭ᠋ᠠᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠬᠡᠷ ᠬᠣᠨᠢ ᠢᠮᠠᠭ᠎ᠠ ᠨᠢᠲᠤᠯᠬᠤ ᠬᠠᠮᠢᠶᠠᠷᠤᠯᠲᠠ ᠵᠢᠨ ᠠᠷᠭ᠎ᠠ》 ᠵᠢᠨ ᠲᠠᠶ᠋ᠢᠯᠤᠮᠵᠢ
《ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠬᠥᠭᠵᠢᠭᠦᠯᠬᠦ ᠲᠥᠯᠥᠪᠵᠢᠭᠦᠯᠭᠡ ᠵᠢᠨ ᠬᠥᠲᠥᠯᠪᠦᠷᠢ (2016 — 2020 ᠣᠨ)》 ᠵᠢᠨ ᠲᠠᠶ᠋ᠢᠯᠤᠮᠵᠢ
ᠥᠪᠥᠷ ᠮᠣᠩᠭᠣᠯ ᠡᠷᠳᠡᠨᠢ ᠰᠢᠰᠢ ᠵᠢᠨ ᠲᠠᠷᠢᠮᠠᠯ᠎ᠤᠨ ᠪᠦᠲᠦᠴᠡ᠎ᠳᠤ ᠲᠣᠬᠢᠷᠠᠭᠤᠯᠤᠯᠲᠠ ᠬᠢᠪᠡ
 
            