ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠲᠠᠪᠤᠨ ᠶᠡᠬᠡ ᠡᠭᠦᠷᠭᠡ ᠵᠢ ᠰᠠᠶ᠋ᠢᠲᠤᠷ ᠠᠳᠬᠤᠵᠤ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠲᠦᠯᠬᠢᠨ ᠠᠬᠢᠭᠤᠯᠤᠶ᠎ᠠ
ᠨᠡᠶ᠋ᠢᠲᠡᠯᠡᠭᠰᠡᠨ ᠴᠠᠭ᠄ 2016-05-19


      ᠰᠤᠷᠪᠣᠯᠵᠢᠯᠠᠭᠰᠠᠨ ᠴᠠᠭ᠄
     2016 ᠣᠨ᠎ᠤ 5 ᠳ᠋ᠤᠭ᠋ᠠᠷ ᠰᠠᠷ᠎ᠠ ᠵᠢᠨ 13᠎ᠤ ᠡᠳᠦᠷ᠎ᠤᠨ ᠦᠳᠡ ᠵᠢᠨ ᠡᠮᠦᠨᠡᠬᠢ 10 ᠴᠠᠭ᠎ᠲᠤ
      ᠰᠤᠷᠪᠣᠯᠵᠢᠯᠠᠭᠰᠠᠨ ᠵᠣᠴᠢᠨ᠄
      ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠡᠷᠬᠢᠯᠡᠭᠴᠢ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠳᠡᠳ᠋ ᠱᠦᠵᠢ ᠪᠤᠤ ᠮᠠᠨᠳᠠ
      ᠰᠤᠷᠪᠣᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
     《13· 5》 ᠪᠣᠯ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠡᠶᠡᠯᠡᠭᠦᠯᠬᠦ   ᠰᠢᠢ᠍ᠳᠪᠦᠷᠢᠲᠦ ᠱᠠᠲᠤ ᠪᠣᠯᠣᠨ᠎ᠠ᠃ ᠡᠨᠡ ᠵᠢᠯ᠎ᠤᠨ 1 ᠳ᠋ᠦ᠍ᠭᠡᠷ ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠳᠥᠷᠪᠡᠳᠦᠭᠡᠷ ᠬᠤᠷᠠᠯᠳᠤᠭ᠋ᠠᠨ ᠳᠡᠭᠡᠷ᠎ᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠣᠯᠣᠨ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠥᠲᠥᠯᠪᠦᠷᠢ》 (ᠳᠣᠷᠣᠭᠰᠢ 《ᠬᠥᠲᠥᠯᠪᠦᠷᠢ》 ᠭᠡᠵᠦ ᠲᠣᠪᠴᠢᠯᠠᠨ᠎ᠠ) ᠵᠢ ᠬᠢᠨᠠᠨ ᠵᠥᠪᠯᠡᠵᠦ ᠪᠠᠲᠤᠯᠠᠵᠠᠶ᠃ 《ᠬᠥᠲᠥᠯᠪᠦᠷᠢ》᠎ᠨᠢ ᠪᠥᠬᠥ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠰᠢᠨ᠎ᠡ ᠬᠠᠷᠠᠯᠲᠠ ᠲᠣᠭᠲᠠᠭ᠋ᠠᠪᠠ᠃ ᠣᠶ᠋ᠢᠷ᠎ᠠ᠎ᠳᠤ᠂ ᠪᠢᠳᠠ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠡᠷᠬᠢᠯᠡᠭᠴᠢ ᠪᠤᠤ ᠮᠠᠨᠳᠠ ᠵᠢ ᠤᠷᠢᠵᠤ ᠬᠠᠷᠠᠯᠲᠠ ᠵᠢᠨ ᠲᠤᠲᠤᠷᠠᠬᠢ ᠮᠠᠨ᠎ᠤ ᠣᠷᠣᠨ᠎ᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠴᠢᠩᠭ᠋ᠠᠳᠬᠠᠬᠤ᠂ ᠠᠷᠠᠳ ᠲᠦᠮᠡᠨ᠎ᠤ ᠠᠵᠠ ᠵᠢᠷᠭ᠋ᠠᠯ᠎ᠢ ᠨᠡᠮᠡᠭᠳᠡᠭᠦᠯᠬᠦ ᠵᠡᠷᠭᠡ ᠬᠠᠮᠢᠶ᠎ᠠ ᠪᠦᠬᠦᠢ ᠠᠭᠤᠯᠭ᠎ᠠ ᠵᠢᠨ ᠲᠣᠬᠠᠢ ᠰᠦᠯᠵᠢᠶᠡᠨ ᠳᠡᠭᠡᠷ᠎ᠡ ᠲᠠᠢ᠌ᠯᠤᠮᠵᠢ ᠬᠢᠬᠦ᠎ᠪᠠᠷ ᠪᠤᠢ᠃ ᠥᠷᠭᠡᠨ ᠣᠯᠠᠨ ᠰᠦᠯᠵᠢᠶᠡᠨ᠎ᠤ ᠠᠨᠳᠠ ᠨᠠᠷ᠎ᠤᠨ ᠢᠳᠡᠪᠬᠢᠲᠡᠶ ᠣᠷᠣᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ᠃


                    ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ
      ᠬᠥᠲᠥᠯᠥᠭᠴᠢ᠄

      ᠰᠦᠯᠵᠢᠶᠡᠨ᠎ᠤ ᠠᠨᠳᠠ ᠨᠠᠷ ᠰᠠᠢ᠍ᠢ᠍ᠨ ᠪᠠᠶ᠋ᠢᠨ᠎ᠠ ᠤᠤ! ᠲᠣᠰ ᠬᠤᠭᠤᠴᠠᠭ᠋ᠠᠨ᠎ᠤ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢᠨ ᠪᠤᠯᠤᠩ᠎ᠢ ᠬᠦᠯᠢᠶᠠᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳᠠ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠡᠷᠬᠢᠯᠡᠭᠴᠢ ᠪᠤᠤ ᠮᠠᠨᠳᠠ ᠵᠢ ᠤᠷᠢᠵᠤ᠂ ᠮᠠᠨ᠎ᠤ ᠣᠷᠣᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠴᠢᠩᠭ᠋ᠠᠳᠬᠠᠬᠤ᠂ ᠠᠷᠠᠳ ᠲᠦᠮᠡᠨ᠎ᠤ ᠠᠵᠠ ᠵᠢᠷᠭ᠋ᠠᠯ᠎ᠢ ᠨᠡᠮᠡᠭᠳᠡᠭᠦᠯᠬᠦ ᠵᠡᠷᠭᠡ ᠬᠠᠮᠢᠶ᠎ᠠ ᠪᠦᠬᠦᠢ ᠠᠭᠤᠯᠭ᠎ᠠ ᠵᠢ ᠰᠦᠯᠵᠢᠶᠡᠨ ᠳᠡᠭᠡᠷ᠎ᠡ ᠲᠠ ᠪᠦᠬᠦᠨ᠎ᠲᠠᠢ ᠰᠣᠯᠢᠯᠴᠠᠬᠤ᠎ᠪᠠᠷ ᠪᠠᠢ᠌ᠨ᠎ᠠ᠃ ᠪᠤᠤ ᠡᠷᠬᠢᠯᠡᠭᠴᠢ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
      ᠪᠤᠤ ᠮᠠᠨᠳᠠ᠄
      ᠬᠥᠲᠥᠯᠥᠭᠴᠢ ᠰᠠᠢ᠍ᠢ᠍ᠨ ᠤᠤ᠂ ᠰᠦᠯᠵᠢᠶᠡᠨ᠎ᠤ ᠠᠨᠳᠠ ᠨᠠᠷ ᠰᠠᠢ᠌ᠨ ᠤᠤ! ᠡᠨᠳᠡ ᠲᠠ ᠪᠦᠬᠦᠨ᠎ᠲᠠᠢ ᠰᠠᠨᠠᠯ ᠵᠶ᠋ᠡᠨ ᠰᠤᠯᠢᠯᠴᠠᠬᠤ ᠪᠣᠯᠣᠭᠰᠠᠨ᠎ᠳᠠᠭᠠᠨ ᠲᠤᠩ ᠪᠠᠶᠠᠷᠯᠠᠵᠤ ᠪᠠᠢ᠌ᠨ᠎ᠠ᠃ ᠡᠨᠡ ᠲᠣᠬᠢᠶᠠᠯ᠎ᠢ ᠠᠰᠢᠭᠯᠠᠨ᠂ ᠪᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠡᠮᠦᠨ᠎ᠡ᠎ᠠᠴᠠ᠂ ᠮᠠᠨ᠎ᠤ ᠠᠵᠢᠯ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ᠎ᠤ ᠠᠨᠳᠠ ᠨᠠᠷ᠎ᠲᠠᠭᠠᠨ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠵᠦ ᠪᠠᠶ᠋ᠢᠨ᠎ᠠ᠃
ᠬᠥᠲᠥᠯᠥᠭᠴᠢ᠄
      ᠪᠤᠤ ᠡᠷᠬᠢᠯᠡᠭᠴᠢ᠂ 《13· 5》 ᠵᠢᠨ ᠬᠤᠭᠤᠴᠠᠭ᠋ᠠᠨ᠎ᠳᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠣᠷᠴᠢᠨ ᠠᠬᠤᠢ ᠵᠢᠨ ᠭᠦᠨᠵᠡᠭᠡᠶ ᠬᠤᠪᠢᠰᠤᠯᠲᠠ ᠪᠣᠯᠣᠨ ᠣᠯᠳᠠᠬᠤᠶ᠎ᠠ ᠪᠡᠷᠬᠡ ᠠᠵᠠ ᠲᠣᠬᠢᠶᠠᠯ ᠳᠣᠣᠷ᠎ᠠ᠂ ᠮᠠᠨ᠎ᠤ ᠣᠷᠣᠨ᠎ᠤ ᠠᠯᠢ ᠬᠦᠷᠢᠶ᠎ᠡ ᠬᠡᠪᠴᠢᠶᠡᠨ᠎ᠳᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠬᠡᠯᠪᠡᠷᠢ ᠵᠢ ᠲᠦᠷᠭᠡᠪᠴᠢᠯᠡᠨ ᠬᠤᠪᠢᠷᠠᠭᠤᠯᠬᠤ ᠪᠤᠢ? 《ᠬᠥᠲᠥᠯᠪᠦᠷᠢ》᠎ᠳᠤ ᠶᠠᠮᠠᠷ ᠶᠠᠮᠠᠷ ᠪᠠᠶ᠋ᠢᠯᠳᠤᠬᠤ ᠪᠤᠳᠤᠯᠭ᠎ᠠ ᠵᠢᠨ ᠡᠭᠦᠷᠭᠡ ᠳᠤᠷᠠᠳᠤᠭᠰᠠᠨ ᠪᠤᠢ?
      ᠪᠤᠤ ᠮᠠᠨᠳᠠ᠄
      ᠥᠭᠡᠷᠡᠴᠢᠯᠡᠯᠲᠡ ᠪᠣᠯ ᠬᠥᠭᠵᠢᠯᠲᠡ ᠵᠢᠨ ᠬᠦᠴᠦᠷᠬᠡᠭ ᠶᠡᠬᠡ ᠬᠥᠳᠡᠯᠭᠡᠭᠴᠢ ᠬᠦᠴᠦᠨ ᠮᠥᠨ᠂ 《ᠬᠥᠲᠥᠯᠪᠦᠷᠢ》᠎ᠳᠠᠬᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠭᠤᠯᠭ᠎ᠠ ᠵᠢ ᠭᠣᠣᠯᠳᠠᠭᠤ ᠨᠠᠮ᠎ᠤᠨ ᠠᠷᠪᠠᠨ   ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠠᠷᠤᠮᠠᠯᠯᠠᠨ ᠲᠠᠷᠬᠠᠭ᠋ᠠᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠴᠢᠬᠤᠯᠠ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠲᠥᠯᠥᠪᠵᠢᠭᠦᠯᠭᠡ (2014 — 2020 ᠣᠨ)》 ᠵᠢᠨ ᠰᠠᠭᠤᠷᠢᠨ ᠳᠡᠭᠡᠷ᠎ᠡ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ᠎ᠪᠠᠷ ᠭᠣᠣᠯ ᠰᠢᠵᠢᠮ ᠪᠣᠯᠭ᠋ᠠᠵᠤ᠂ ᠡᠬᠢ ᠪᠠᠶᠠᠯᠢᠭ᠎ᠤᠨ ᠲᠤᠬᠢᠷᠠᠭᠤᠯᠤᠯᠳᠠ᠎ᠳᠠᠬᠢ ᠵᠠᠬ᠎ᠠ ᠳᠡᠯᠭᠡᠭᠦᠷ᠎ᠤᠨ ᠦᠵᠡᠭᠦᠯᠬᠦ ᠰᠢᠢ᠍ᠳᠪᠦᠷᠢᠯᠡᠭᠴᠢ ᠴᠢᠨᠠᠷᠲᠠᠶ ᠦᠢ᠍ᠯᠡᠳᠦᠯ ᠎ᠤᠨ ᠱᠠᠭ᠋ᠠᠷᠳᠠᠯᠭ᠎ᠠ ᠵᠢᠨ ᠲᠣᠭᠤᠷᠢᠨ᠎ᠳᠤ ᠲᠤᠭᠤᠷᠪᠢᠨ ᠪᠢᠴᠢᠭᠰᠡᠨ ᠶᠤᠮ᠃ ᠠᠵᠤ ᠠᠬᠤᠶ ᠵᠢᠨ ᠦᠨᠳᠦᠰᠦᠨ ᠪᠠᠶ᠋ᠢᠭᠤᠯᠤᠯ᠎ᠢ ᠪᠠᠷᠢᠮᠲᠠᠯᠠᠬᠤ ᠪᠠ ᠪᠦᠷᠢᠨᠰᠢᠭᠦᠯᠬᠦ᠂ ᠤᠳᠤ ᠦᠶ᠎ᠡ ᠵᠢᠨ ᠵᠠᠬ᠎ᠠ ᠳᠡᠯᠭᠡᠭᠦᠷ᠎ᠤᠨ ᠰᠢᠰᠲ᠋ᠧᠮᠵᠢ ᠵᠢ ᠲᠦᠷᠭᠡᠨ ᠲᠡᠭᠦᠯᠳᠡᠷᠵᠢᠭᠦᠯᠬᠦ᠂ ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭ᠎ᠠ ᠵᠢ ᠲᠦᠷᠭᠡᠨ   ᠬᠣᠪᠢᠷᠠᠭᠤᠯᠬᠤ᠂ ᠡᠳ᠋᠎ᠤᠨ ᠵᠠᠰᠠᠭ ᠭᠠᠶ᠋ᠢᠯᠢ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠬᠤᠲᠠ ᠬᠥᠳᠡᠭᠡ ᠵᠢᠨ ᠬᠥᠭᠵᠢᠯᠲᠡ ᠵᠢ ᠨᠢᠭᠡ ᠴᠤᠭᠴᠠᠵᠢᠭᠤᠯᠬᠤ ᠪᠠᠶ᠋ᠢᠭᠤᠯᠤᠯ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ᠂ ᠰᠣᠶᠣᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ   ᠭᠦᠨᠵᠡᠭᠡᠢ᠌ᠷᠡᠭᠦᠯᠬᠦ᠂ ᠨᠡᠶ᠋ᠢᠭᠡᠮ᠎ᠤᠨ ᠦᠢ᠍ᠯᠡᠰ᠎ᠤᠨ ᠥᠭᠡᠷᠡᠴᠢᠯᠡᠯᠲᠡ ᠵᠢᠨ ᠰᠢᠨ᠎ᠡ ᠡᠭᠦᠳᠦᠯᠲᠡ ᠵᠢ ᠲᠦᠯᠬᠢᠨ   ᠠᠬᠢᠭᠤᠯᠬᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯ ᠲᠣᠭᠲᠠᠴᠠ ᠵᠢ ᠲᠡᠭᠦᠯᠳᠡᠷᠵᠢᠭᠦᠯᠬᠦ ᠵᠡᠷᠭᠡ ᠨᠠᠢ᠍ᠮᠠᠨ   ᠬᠦᠷᠢᠶ᠎ᠡ ᠴᠠᠷᠠᠭ᠋ᠠᠨ᠎ᠳᠠᠬᠢ ᠥᠭᠡᠷᠡᠴᠢᠯᠡᠯᠲᠡ᠎ᠪᠠᠷ ᠳᠠᠮᠵᠢᠭᠤᠯᠤᠨ᠂ ᠨᠡᠩ ᠪᠣᠯᠪᠠᠰᠤᠷᠠᠩᠭᠤᠶ᠂ ᠨᠡᠩ   ᠲᠣᠭᠲᠠᠩᠭᠤᠢ ᠲᠦᠷᠢᠮ᠎ᠤᠨ ᠰᠢᠰᠲ᠋ᠧᠮᠵᠢ ᠵᠢ ᠪᠠᠶ᠋ᠢᠭᠤᠯᠬᠤ ᠪᠣᠯᠣᠨ᠎ᠠ᠃
        ᠪᠠᠢ᠌ᠷᠢᠰᠢᠭᠤᠯᠤᠯ᠎ᠤᠨ ᠲᠠᠯ᠎ᠠ᠎ᠪᠠᠷ᠂ 《ᠬᠥᠲᠥᠯᠪᠦᠷᠢ》 ᠎ᠨᠢ ᠲᠥᠪ᠎ᠤᠨ 《ᠲᠠᠪᠤᠨ ᠶᠡᠬᠡ ᠬᠥᠭᠵᠢᠯᠲᠡ ᠵᠢᠨ ᠣᠨᠣᠯᠵᠢᠬᠤᠨ》᠎ᠤ ᠲᠣᠭᠤᠷᠢᠨ᠎ᠳᠤ 《13 · 5》 ᠵᠢᠨ ᠲᠠᠪᠤᠨ ᠶᠡᠬᠡ ᠪᠠᠶ᠋ᠢᠯᠳᠤᠬᠤ ᠪᠤᠳᠤᠯᠭ᠎ᠠ ᠵᠢᠨ ᠡᠭᠦᠷᠭᠡ ᠵᠢ ᠳᠤᠷᠠᠳᠤᠭᠰᠠᠨ ᠪᠦᠭᠡᠳ ᠥᠪᠥᠷ ᠮᠣᠩᠭᠣᠯ᠎ᠤᠨ ᠪᠣᠳᠠᠲᠤ ᠪᠠᠶ᠋ᠢᠳᠠᠯ᠎ᠢ ᠦᠨᠳᠦᠰᠦᠯᠡᠨ 《5 + 2》 ᠳᠣᠯᠣᠭ᠋ᠠᠨ ᠶᠡᠬᠡ ᠪᠠᠶ᠋ᠢᠯᠳᠤᠬᠤ ᠪᠤᠳᠤᠯᠭ᠎ᠠ ᠵᠢᠨ ᠡᠭᠦᠷᠭᠡ ᠵᠢ ᠳᠤᠷᠠᠳᠪᠠ᠄ ᠨᠢᠭᠡ᠎ᠳᠤ ᠠᠵᠤ ᠠᠬᠤᠶ ᠵᠢ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠲᠦᠯᠬᠢᠨ ᠠᠬᠢᠭᠤᠯᠵᠤ᠂ ᠭᠠᠵᠠᠷ ᠣᠷᠣᠨ᠎ᠤ ᠠᠵᠤ ᠠᠬᠤᠶ ᠵᠢᠨ ᠶᠡᠷᠦᠩᠬᠡᠶ᠋ᠢᠯᠡᠭᠰᠡᠨ ᠪᠣᠳᠠᠲᠤ ᠬᠦᠴᠦᠨ᠎ᠢ ᠪᠤᠵᠠᠭ᠋ᠠᠢ᠌ᠷᠠᠭᠤᠯᠤᠨ᠎ᠠ; ᠬᠣᠶᠠᠷ᠎ᠲᠤ ᠰᠢᠨ᠎ᠡ ᠵᠢ ᠡᠭᠦᠳᠬᠦ ᠬᠦᠭᠵᠢᠯᠲᠡ ᠵᠢ ᠪᠠᠷᠢᠮᠲᠠᠯᠠᠨ᠂ ᠬᠥᠭᠵᠢᠯᠲᠡ ᠵᠢᠨ ᠶᠠᠰᠤ ᠴᠢᠨᠠᠷ ᠦᠷ᠎ᠡ ᠠᠰᠢᠭ᠎ᠢ   ᠳᠡᠭᠡᠭᠰᠢᠯᠡᠭᠦᠯᠦᠨ᠎ᠡ; ᠭᠤᠷᠪᠠ᠎ᠳᠤ ᠵᠣᠬᠢᠴᠠᠩᠭᠤᠶ ᠬᠥᠭᠵᠢᠯᠲᠡ ᠵᠢ ᠪᠠᠷᠢᠮᠲᠠᠯᠠᠨ᠂ ᠬᠥᠭᠵᠢᠯᠲᠡ ᠵᠢᠨ ᠪᠦᠬᠦᠯᠢ ᠴᠤᠭᠴᠠᠲᠤ ᠴᠢᠨᠠᠷ᠎ᠢ ᠴᠢᠩᠭ᠋ᠠᠳᠬᠠᠨ᠎ᠠ; ᠲᠦᠷᠪᠡ᠎ᠳᠤ ᠪᠣᠬᠢᠷᠲᠤᠯ ᠦᠭᠡᠢ ᠬᠥᠭᠵᠢᠯᠲᠡ ᠵᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ ᠵᠢᠨ ᠠᠮᠢ ᠠᠬᠤᠶ ᠵᠢᠨ ᠠᠮᠤᠷ ᠲᠦᠪᠰᠢᠨ᠎ᠤ ᠴᠢᠬᠤᠯᠠ ᠬᠠᠯᠬᠠᠪᠴᠢ ᠵᠢ ᠪᠠᠢ᠌ᠭᠤᠯᠤᠨ ᠪᠡᠬᠢᠵᠢᠭᠦᠯᠦᠨ᠎ᠡ; ᠲᠠᠪᠤ᠎ᠳᠤ᠂ ᠨᠡᠭᠡᠭᠡᠯᠲᠦ ᠬᠥᠭᠵᠢᠯᠲᠡ ᠵᠢ ᠪᠠᠷᠢᠮᠲᠠᠯᠠᠵᠤ᠂ ᠭᠠᠳᠠᠭᠰᠢ ᠨᠡᠭᠡᠭᠡᠬᠦ ᠬᠢᠷᠢ ᠲᠥᠪᠰᠢᠨ ᠵᠶ᠋ᠡᠨ ᠳᠡᠭᠡᠭᠰᠢᠯᠡᠭᠦᠯᠦᠨ᠎ᠡ; ᠵᠢᠷᠭᠤᠭ᠎ᠠ᠎ᠳᠤ ᠬᠥᠭᠵᠢᠯᠲᠡ ᠵᠢ ᠬᠠᠮᠲᠤ᠎ᠪᠠᠷ ᠡᠳ᠋ᠯᠡᠬᠦ ᠵᠢ ᠪᠠᠷᠢᠮᠲᠠᠯᠠᠵᠤ᠂ ᠠᠷᠠᠳ ᠲᠦᠮᠡᠨ᠎ᠤ ᠠᠵᠠ ᠵᠢᠷᠭ᠋ᠠᠯ᠎ᠢ ᠲᠠᠰᠤᠷᠠᠯᠲᠠ ᠦᠭᠡᠢ ᠨᠡᠮᠡᠭᠳᠡᠭᠦᠯᠦᠨ᠎ᠡ; ᠲᠤᠯᠤᠭ᠎ᠠ᠎ᠳᠤ ᠡᠶ᠎ᠡ ᠵᠤᠬᠢᠴᠠᠩᠭᠤᠢ ᠥᠪᠥᠷ ᠮᠣᠩᠭᠣᠯ᠎ᠢ ᠪᠥᠳᠥᠭᠡᠨ ᠪᠠᠶ᠋ᠢᠭᠤᠯᠬᠤ ᠵᠢ ᠲᠦᠯᠬᠢᠨ ᠠᠬᠢᠭᠤᠯᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠣᠭᠲᠠᠭᠤᠨ ᠬᠠᠯᠬᠠᠪᠴᠢ ᠵᠢ ᠪᠠᠲᠤ ᠪᠡᠬᠢ ᠪᠠᠢ᠌ᠭᠤᠯᠤᠨ᠎ᠠ᠃
      ᠬᠥᠲᠥᠯᠥᠭᠴᠢ᠄
     《13· 5》 ᠵᠢᠨ ᠬᠤᠭᠤᠴᠠᠭ᠋ᠠᠨ᠎ᠳᠤ᠂ ᠮᠠᠨ᠎ᠤ ᠣᠷᠣᠨ ᠨᠠᠮ᠎ᠤᠨ ᠲᠥᠪ ᠬᠣᠷᠢᠶ᠎ᠠ ᠪᠣᠯᠣᠨ ᠲᠦᠷᠦ ᠵᠢᠨ ᠶᠠᠪᠤᠳᠠᠯ᠎ᠤᠨ ᠬᠣᠷᠢᠶᠠᠨ᠎ᠠᠴᠠ ᠳᠤᠷᠠᠳᠤᠭᠰᠠᠨ ᠬᠠᠩᠭ᠋ᠠᠯᠭ᠎ᠠ ᠵᠢᠨ ᠲᠠᠯ᠎ᠠ ᠵᠢᠨ ᠥᠭᠡᠷᠡᠴᠢᠯᠡᠯᠲᠡ ᠵᠢ ᠬᠡᠷᠬᠢᠨ ᠴᠤᠤᠷᠢᠶᠠᠲᠤᠨ ᠳᠠᠭ᠋ᠠᠬᠤ᠎ᠪᠠᠷ ᠪᠡᠯᠡᠳᠬᠡᠵᠦ ᠪᠤᠢ? ᠥᠪᠥᠷ ᠮᠣᠩᠭᠣᠯ᠎ᠨᠢ ᠤᠯᠤᠰ ᠣᠷᠣᠨ᠎ᠤ ᠪᠦᠬᠦ ᠲᠠᠯ᠎ᠠ ᠵᠢᠨ ᠬᠠᠩᠭ᠋ᠠᠯᠭ᠎ᠠ ᠲᠠᠯ᠎ᠠ ᠵᠢᠨ ᠥᠭᠡᠷᠡᠴᠢᠯᠡᠯᠲᠡ ᠵᠢᠨ ᠳᠤᠮᠳᠠ ᠶᠠᠮᠠᠷᠬᠦ   ᠳᠦᠷᠢ ᠵᠢ ᠲᠣᠭᠯᠠᠬᠤ ᠭᠡᠵᠦ ᠪᠠᠢ᠌ᠭ᠎ᠠ ᠪᠤᠢ?

      ᠪᠣᠣ ᠮᠠᠨᠳᠠ᠄
      ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠪᠣᠯ ᠠᠵᠤ ᠠᠬᠤᠶ ᠵᠢᠨ ᠬᠥᠭᠵᠢᠯᠲᠡ ᠵᠢᠨ ᠰᠢᠨ᠎ᠡ ᠬᠡᠪ ᠪᠠᠶ᠋ᠢᠳᠠᠯ᠎ᠳᠤ ᠵᠣᠬᠢᠴᠠᠬᠤ ᠪᠠ ᠬᠥᠲᠥᠯᠥᠨ ᠵᠢᠯᠣᠭᠣᠳᠬᠤ ᠴᠢᠬᠤᠯᠠ ᠶᠡᠬᠡ ᠰᠢᠨ᠎ᠡ ᠡᠭᠦᠳᠦᠯᠲᠡ ᠪᠣᠯᠤᠨ᠎ᠠ᠂ ᠲᠠᠪᠤᠨ ᠶᠡᠬᠡ ᠡᠭᠦᠷᠭᠡ ᠵᠢ ᠰᠠᠶ᠋ᠢᠲᠤᠷ ᠠᠳᠬᠤᠬᠤ᠎ᠪᠠᠷ ᠭᠣᠣᠯᠳᠠᠯᠭ᠎ᠠ ᠪᠤᠯᠭ᠋ᠠᠭᠰᠠᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ᠎ᠨᠢ ᠲᠠᠷᠤᠢ ᠠᠵᠤ ᠠᠬᠤᠶ ᠵᠢᠨ ᠠᠵᠢᠯ᠎ᠤᠨ 《ᠠᠮᠢᠨ ᠭᠠᠵᠠᠷ》᠎ᠢ᠎ᠨᠢ ᠰᠠᠢ᠌ᠲᠤᠷ ᠠᠳᠬᠤᠭᠰᠠᠨ ᠶᠠᠪᠤᠳᠠᠯ ᠪᠤᠯᠤᠨ᠎ᠠ᠃ ᠡᠶ᠋ᠢᠮᠦ᠎ᠠᠴᠠ᠂ 《ᠨᠡᠮᠡᠬᠦ ᠬᠠᠰᠤᠬᠤ ᠦᠷᠡᠵᠢᠭᠦᠯᠬᠦ ᠬᠤᠪᠢᠶᠠᠬᠤ》 ᠲᠤᠮᠢᠶ᠎ᠠ ᠵᠢ ᠰᠠᠶ᠋ᠢᠲᠤᠷ ᠬᠢᠬᠦ ᠬᠡᠷᠡᠭᠲᠡᠶ᠃
      ᠡᠩ ᠲᠡᠷᠢᠭᠦᠨ᠎ᠳᠤ᠂ 《ᠨᠡᠮᠡᠬᠦ》 ᠲᠤᠮᠢᠶ᠎ᠠ ᠵᠢ ᠰᠠᠶ᠋ᠢᠲᠤᠷ ᠬᠢᠬᠦ ᠬᠡᠷᠡᠭᠲᠡᠶ᠃ 《ᠨᠡᠮᠡᠬᠦ》 ᠲᠤᠮᠢᠶ᠎ᠠ ᠪᠤᠯ ᠳᠠᠷᠤᠶ ᠬᠠᠳᠠᠭ᠋ᠠᠯᠠᠯᠲᠠ ᠵᠢᠨ ᠬᠡᠮᠵᠢᠶ᠎ᠡ ᠵᠢ ᠴᠢᠩᠭ᠋ᠠᠷᠠᠭᠤᠯᠵᠤ᠂ ᠨᠡᠮᠡᠭᠳᠡᠯ᠎ᠢ ᠬᠥᠲᠥᠯᠥᠨ ᠵᠢᠯᠣᠭᠣᠳᠴᠤ᠂ ᠳᠠᠪᠠᠭᠤᠯᠢᠭ ᠠᠵᠤ ᠦᠢ᠍ᠯᠡᠰ᠎ᠤᠨ ᠬᠥᠭᠵᠢᠯᠲᠡ ᠵᠢ ᠲᠦᠯᠬᠢᠨ ᠠᠬᠢᠭᠤᠯᠵᠤ᠂ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ ᠪᠠ ᠰᠢᠨ᠎ᠡ ᠨᠡᠮᠡᠭᠳᠡᠯ᠎ᠤᠨ ᠬᠥᠳᠡᠯᠭᠡᠬᠦ ᠬᠦᠴᠦᠨ᠎ᠢ ᠪᠤᠢ᠌ᠵᠢᠭᠤᠯᠬᠤ ᠪᠤᠯᠤᠨ᠎ᠠ᠃ ᠮᠠᠨ᠎ᠤ ᠤᠷᠤᠨ᠎ᠳᠤ ᠠᠪᠴᠤ ᠬᠡᠯᠡᠪᠡᠯ ᠳᠠᠷᠤᠶ ᠠᠵᠤ ᠦᠢ᠍ᠯᠡᠰ᠎ᠤᠨ ᠬᠦᠭᠵᠢᠯᠲᠡ ᠵᠢᠨ ᠳᠤᠲᠠᠭᠤ ᠲᠠᠯ᠎ᠠ᠎ᠪᠠᠨ ᠨᠦᠬᠦᠪᠦᠷᠢᠯᠡᠬᠦ ᠪᠤᠯᠤᠨ᠎ᠠ᠄ ᠨᠢᠭᠡ᠎ᠳᠤ ᠡᠬᠢ ᠪᠠᠶᠠᠯᠢᠭ᠎ᠤᠨ ᠬᠡᠯᠪᠡᠷᠢ ᠪᠥᠬᠥᠢ ᠠᠵᠤ ᠦᠢ᠍ᠯᠡᠰ᠎ᠢ ᠤᠷᠲᠤᠳᠬᠠᠨ ᠲᠡᠰ ᠳᠡᠪᠰᠢᠭᠦᠯᠬᠦ ᠵᠢ ᠲᠦᠯᠬᠢᠨ ᠠᠬᠢᠭᠤᠯᠬᠤ ᠬᠡᠷᠡᠭᠲᠡᠶ᠃ ᠣᠳᠣᠬᠠᠨ᠎ᠳᠤ ᠮᠠᠨ᠎ᠤ ᠣᠷᠣᠨ᠎ᠤ ᠡᠬᠢ ᠪᠠᠶᠠᠯᠢᠭ᠎ᠤᠨ ᠬᠡᠯᠪᠡᠷᠢ ᠪᠥᠬᠥᠢ ᠠᠵᠤ ᠦᠢ᠍ᠯᠡᠰ ᠳᠤᠤᠷ᠎ᠠ ᠲᠦᠪᠰᠢᠨᠵᠢᠬᠦ ᠣᠨᠴᠠᠯᠢᠭ ᠢᠯᠡᠷᠬᠡᠶ ᠪᠤᠯᠵᠤ᠂ ᠨᠡᠭᠦᠷᠡᠰᠦ ᠵᠢ ᠲᠤᠬᠠᠢ ᠵᠢᠨ ᠭᠠᠵᠠᠷ᠎ᠲᠤᠨᠢ ᠬᠤᠪᠢᠷᠠᠭᠤᠯᠬᠤ ᠨᠣᠷᠮ᠎ᠠ 35% ᠪᠠᠢ᠌ᠵᠤ᠂ ᠮᠸᠲ᠋ᠢᠯ ᠠᠯᠺᠣᠣᠯ ᠤᠷᠲᠤᠳᠬᠠᠨ ᠪᠣᠯᠪᠠᠰᠤᠷᠠᠭᠤᠯᠬᠤ ᠨᠤᠷᠮ᠎ᠠ᠎ᠨᠢ 20%᠎ᠲᠤ ᠭᠥᠷᠬᠥ ᠥᠭᠡᠢ᠂ ᠥᠩᠭᠡᠲᠦ ᠲᠡᠮᠦᠷᠯᠢᠭ ᠤᠷᠲᠤᠳᠬᠠᠨ ᠡᠳ᠋ᠰᠢᠭᠦᠯᠬᠦ ᠨᠤᠷᠮ᠎ᠠ᠎ᠨᠢ 55% ᠪᠠᠢ᠌ᠬᠤ ᠮᠦᠷᠲᠡᠭᠡᠨ ᠮᠦᠨ ᠠᠩᠬᠠᠨ᠎ᠤ ᠪᠣᠯᠪᠠᠰᠤᠷᠠᠭᠤᠯᠤᠯᠲᠠ᠎ᠪᠠᠷ ᠭᠤᠤᠯᠯᠠᠵᠤ ᠪᠠᠢ᠌ᠨ᠎ᠠ᠃ ᠨᠡᠭᠦᠷᠡᠰᠦ᠂ ᠪᠤᠯᠤᠳ ᠳᠡᠮᠤᠷ᠂ ᠥᠩᠭᠡᠲᠦ ᠲᠡᠮᠦᠷᠯᠢᠭ᠎ᠤᠨ ᠠᠵᠤ ᠦᠢ᠍ᠯᠡᠰ᠎ᠤᠨ ᠤᠷᠲᠤᠳᠬᠠᠨ ᠪᠣᠯᠪᠠᠰᠤᠷᠠᠭᠤᠯᠬᠤ ᠵᠢ ᠭᠣᠣᠯᠳᠠᠯᠭ᠎ᠠ᠎ᠲᠠᠢ ᠳᠡᠭᠡᠭᠰᠢᠯᠡᠭᠦᠯᠬᠦ ᠬᠡᠷᠡᠭᠲᠡᠢ᠃ ᠳᠠᠬᠢᠪᠠᠯ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠠᠵᠤ ᠦᠢ᠍ᠯᠡᠳᠪᠦᠷᠢ ᠵᠢᠨ ᠶᠠᠰᠤ ᠴᠢᠨᠠᠷ ᠦᠷ᠎ᠡ ᠪᠦᠲᠦᠮᠵᠢ᠎ᠪᠠᠷ ᠳᠡᠭᠡᠭᠰᠢᠯᠡᠭᠦᠯᠦᠯᠲᠡ ᠵᠢ ᠲᠦᠷᠭᠡᠪᠴᠢᠯᠡᠨ ᠲᠦᠯᠬᠢᠨ ᠠᠬᠢᠭᠤᠯᠵᠤ᠂ ᠨᠣᠯᠤᠤᠷ᠎ᠤᠨ ᠠᠵᠤ ᠦᠢ᠍ᠯᠡᠰ᠎ᠢ ᠶᠡᠬᠡᠪᠡᠷ ᠬᠥᠭᠵᠢᠭᠦᠯᠦᠨ᠂ ᠰᠦ ᠵᠢᠨ ᠦᠢ᠍ᠯᠡᠰ᠎ᠤᠨ ᠲᠦᠷᠦᠭᠦᠯᠡᠬᠦ ᠪᠠᠶ᠋ᠢᠷᠢ ᠰᠠᠭᠤᠷᠢ ᠵᠢ ᠪᠠᠲᠤᠯᠠᠵᠤ᠂ ᠮᠢᠬᠠᠨ᠎ᠤ ᠵᠦᠢ᠍ᠯ ᠪᠠ ᠴᠢᠨᠠᠷ ᠰᠠᠶ᠋ᠢᠲᠠᠶ ᠠᠮᠤ ᠲᠤᠰᠤᠨ᠎ᠤ ᠠᠵᠤ ᠦᠢ᠍ᠯᠡᠰ᠎ᠢ ᠵᠣᠬᠢᠰᠲᠠᠶ ᠪᠤᠵᠠᠭ᠋ᠠᠶ᠋ᠢᠷᠠᠭᠤᠯᠵᠤ᠂ ᠠᠷᠠᠰᠤ ᠰᠢᠷᠢ᠂ ᠥᠯᠥᠩ ᠡᠪᠡᠰᠦ ᠵᠡᠷᠭᠡ ᠠᠵᠤ ᠦᠢ᠍ᠯᠡᠰ᠎ᠢ ᠢᠳᠡᠪᠬᠢᠲᠡᠢ ᠪᠤᠢ᠌ᠵᠢᠭᠤᠯᠵᠤ᠂ ᠮᠠᠨ᠎ᠤ ᠤᠯᠤᠰ᠎ᠤᠨ ᠴᠢᠬᠤᠯᠠ ᠪᠣᠬᠢᠷᠲᠤᠯ ᠦᠭᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭ᠋ᠠᠬᠤ ᠰᠠᠭᠤᠷᠢᠨ ᠭᠠᠵᠠᠷ ᠪᠤᠯᠭ᠋ᠠᠨ ᠪᠠᠢ᠌ᠭᠤᠯᠤᠨ᠎ᠠ; ᠬᠣᠶᠠᠷ᠎ᠲᠤ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠶᠡᠬᠡᠪᠡᠷ ᠬᠦᠭᠵᠢᠭᠦᠯᠬᠦ ᠬᠡᠷᠡᠭᠲᠡᠢ᠃ ᠣᠳᠣᠬᠠᠨ᠎ᠳᠤ᠂ ᠮᠠᠨ᠎ᠤ ᠤᠷᠤᠨ᠎ᠤ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ ᠦᠢ᠍ᠯᠡᠳᠪᠦᠷᠢᠯᠡᠯ᠎ᠤᠨ ᠪᠦᠬᠦ ᠦᠷᠲᠡᠭ᠎ᠤᠨ 5.6% ᠵᠢ ᠡᠵᠡᠯᠡᠵᠦ᠂ ᠪᠦᠬᠦ ᠤᠯᠤᠰ᠎ᠠᠴᠠ 2.5 ᠵᠠᠭᠤᠨ᠎ᠤ ᠴᠡᠭ ᠳᠤᠤᠷ᠎ᠠ ᠪᠠᠢ᠌ᠨ᠎ᠠ᠃ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠬᠣᠪᠣᠷ ᠰᠢᠷᠣᠶ᠂ ᠪᠠᠯ ᠴᠢᠯᠠᠭᠤ᠂ ᠬᠡᠷᠡᠯᠯᠢᠭ ᠴᠠᠬᠢᠯᠭ᠋ᠠᠨ ᠵᠡᠷᠭᠡ ᠰᠢᠨ᠎ᠡ ᠮᠠᠲᠸᠷᠢᠶᠠᠯ᠎ᠤᠨ ᠠᠵᠤ ᠦᠢ᠍ᠯᠡᠰ᠂ ᠮᠣᠩᠭᠣᠯ ᠡᠮ᠂ ᠠᠮᠢᠳᠤ ᠪᠣᠳᠠᠰ᠎ᠤᠨ ᠡᠭᠦᠯᠳᠡᠷ ᠪᠣᠶ᠋ᠢᠵᠢᠭᠤᠯᠬᠤ ᠵᠡᠷᠭᠡ ᠠᠮᠢᠳᠤ ᠪᠣᠳᠠᠰ᠎ᠤᠨ ᠠᠵᠤ ᠦᠢ᠍ᠯᠡᠰ᠂ ᠰᠠᠯᠬᠢ ᠬᠡᠷᠡᠯ ᠢᠯᠴᠢ ᠵᠡᠷᠭᠡ ᠰᠢᠨ᠎ᠡ ᠡᠨ᠋ᠸᠷᠬᠢ ᠵᠢᠨ ᠠᠵᠤ ᠦᠢ᠍ᠯᠡᠰ᠂ ᠡᠭᠦᠯᠡᠨ ᠪᠤᠳᠤᠯᠳᠠ ᠪᠠ ᠲᠤᠮᠤ ᠳ᠋ᠠᠶ᠋ᠢᠲ᠋ᠠ ᠵᠡᠷᠭᠡ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠬᠦᠭᠵᠢᠯᠲᠡ ᠵᠢ ᠭᠣᠣᠯᠳᠠᠯᠭ᠎ᠠ᠎ᠲᠠᠢ ᠲᠦᠯᠬᠢᠨ ᠠᠬᠢᠭᠤᠯᠤᠨ᠎ᠠ; ᠭᠤᠷᠪᠠ᠎ᠳᠤ ᠦᠢ᠍ᠯᠡᠴᠢᠯᠡᠭᠡᠨ᠎ᠤ ᠦᠢ᠍ᠯᠡᠰ᠎ᠢ ᠲᠦᠷᠭᠡᠪᠴᠢᠯᠡᠨ ᠬᠦᠭᠵᠢᠭᠦᠯᠬᠦ ᠬᠡᠷᠡᠭᠲᠡᠢ᠃ 2015 ᠣᠨ᠎ᠳᠤ᠂ ᠮᠠᠨ᠎ᠤ ᠤᠷᠤᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ ᠦᠷᠳᠡᠭ᠎ᠨᠢ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ 40% ᠵᠢ ᠡᠵᠡᠯᠡᠵᠦ᠂ ᠪᠦᠬᠦ ᠤᠯᠤᠰ᠎ᠠᠴᠠ10.5 ᠵᠠᠭᠤᠨ᠎ᠤ ᠴᠡᠭ ᠳᠤᠤᠷ᠎ᠠ ᠪᠠᠢ᠌ᠨ᠎ᠠ᠃ ᠦᠢ᠍ᠯᠡᠴᠢᠯᠡᠭᠡᠨ᠎ᠤ ᠦᠢ᠍ᠯᠡᠰ᠎ᠢ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠦᠨ ᠲᠡᠰ ᠳᠡᠪᠰᠢᠭᠦᠯᠬᠦ ᠪᠠᠶ᠋ᠢᠯᠳᠤᠬᠤ ᠪᠣᠳᠣᠯᠭ᠎ᠠ ᠵᠢᠨ ᠭᠣᠣᠯᠳᠠᠯᠭ᠎ᠠ ᠪᠣᠯᠭ᠋ᠠᠨ ᠠᠳᠬᠤᠵᠤ᠂ ᠡᠳ᠋ ᠪᠠᠷᠠᠭ᠋ᠠᠨ᠎ᠤ ᠭᠦᠢ᠍ᠯᠭᠡᠭᠡ᠂ ᠮᠥᠩᠭᠥᠨ ᠭᠦᠢ᠍ᠯᠭᠡᠭᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢ᠍ᠯᠡᠴᠢᠯᠡᠭᠡ ᠵᠡᠷᠭᠡ ᠦᠢ᠍ᠯᠡᠳᠪᠦᠷᠢᠯᠡᠯ᠎ᠤᠨ ᠴᠢᠨᠠᠷᠲᠠᠶ ᠦᠢ᠍ᠯᠡᠴᠢᠯᠡᠭᠡᠨ᠎ᠤ ᠦᠢ᠍ᠯᠡᠰ᠎ᠢ ᠳᠡᠭᠡᠭᠰᠢᠯᠡᠭᠦᠯᠵᠦ᠂ ᠠᠮᠢᠳᠤᠷᠠᠯ᠎ᠤᠨ ᠴᠢᠨᠠᠷᠲᠠᠶ ᠦᠢ᠍ᠯᠡᠴᠢᠯᠡᠭᠡᠨ᠎ᠤ ᠦᠢ᠍ᠯᠡᠰ᠎ᠢ ᠲᠦᠷᠭᠡᠪᠴᠢᠯᠡᠨ ᠬᠥᠭᠵᠢᠭᠦᠯᠵᠦ ᠬᠡᠷᠡᠭᠯᠡᠭᠡᠨ᠎ᠤ ᠪᠦᠲᠦᠴᠡ ᠵᠢᠨ ᠲᠡᠰ ᠳᠡᠪᠰᠢᠬᠦ ᠵᠢ ᠠᠬᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠰᠠᠨᠠᠯ᠎ᠢ ᠰᠤᠳᠤᠯᠤᠨ ᠲᠣᠭᠲᠠᠭ᠋ᠠᠵᠤ᠂ ᠵᠢᠭᠤᠯᠴᠢᠯᠠᠯ᠂ ᠰᠣᠶᠣᠯ᠂ ᠪᠡᠶ᠎ᠡ ᠵᠢᠨ ᠲᠠᠮᠢᠷ ᠵᠡᠷᠭᠡ ᠠᠮᠢᠳᠤᠷᠠᠯ᠎ᠤᠨ ᠴᠢᠨᠠᠷᠲᠠᠶ ᠦᠢ᠍ᠯᠡᠴᠢᠯᠡᠭᠡᠨ᠎ᠤ ᠦᠢ᠍ᠯᠡᠰ᠎ᠢ ᠶᠡᠬᠡᠪᠡᠷ ᠬᠦᠭᠵᠢᠭᠦᠯᠦᠨ᠎ᠡ᠃
    ᠳᠠᠷᠠᠭ᠎ᠠ᠎ᠨᠢ᠂ 《ᠬᠠᠰᠤᠬᠤ》 ᠲᠤᠮᠢᠶ᠎ᠠ ᠵᠢ ᠰᠠᠶ᠋ᠢᠲᠤᠷ ᠬᠢᠬᠦ ᠬᠡᠷᠡᠭᠲᠡᠶ᠃ 《ᠬᠠᠰᠤᠬᠤ》 ᠲᠤᠮᠢᠶ᠎ᠠ ᠪᠤᠯ ᠳᠠᠷᠤᠶ ᠭᠠᠷᠤᠯᠲᠠ᠎ᠪᠠᠨ ᠰᠠᠨᠠᠭ᠋ᠠᠴᠢᠯᠠᠭ᠎ᠠ᠎ᠠᠴᠠ᠎ᠪᠠᠨ ᠪᠠᠭ᠋ᠠᠰᠬᠠᠬᠤ᠂ ᠬᠦᠰᠢᠭᠦᠷᠡᠭᠰᠡᠨ ᠠᠵᠤ ᠠᠬᠤᠢ᠌ᠯᠠᠯ᠎ᠢ ᠰᠢᠢ᠍ᠳᠪᠦᠷᠢᠯᠡᠬᠦ᠂ ᠬᠣᠴᠣᠷᠤᠩᠭᠤᠶ ᠦᠢ᠍ᠯᠡᠳᠪᠦᠷᠢᠯᠡᠬᠦ ᠴᠢᠳᠠᠪᠤᠷᠢ ᠵᠢ ᠰᠢᠭᠰᠢᠭᠳᠡᠭᠦᠯᠬᠦ᠂ ᠬᠦᠮᠦᠷᠭᠡ ᠵᠢᠨ ᠦᠯᠡᠭᠦᠦ ᠬᠠᠳᠠᠭ᠋ᠠᠯᠠᠮᠵᠢ ᠵᠢ ᠦᠭᠡᠢ᠌ᠰᠭᠡᠬᠦ᠂ ᠰᠢᠯᠢᠳᠡᠭ᠎ᠨᠢ ᠰᠢᠯᠢᠭᠳᠡᠵᠦ ᠮᠠᠭᠤ᠎ᠨᠢ ᠰᠢᠭᠰᠢᠭᠳᠡᠬᠦ ᠵᠢ ᠪᠡᠶᠡᠯᠡᠭᠦᠯᠬᠦ ᠪᠤᠯᠤᠨ᠎ᠠ᠃ ᠭᠣᠣᠯᠳᠠᠭᠤ ᠬᠦᠮᠦᠷᠭᠡ ᠵᠢᠨ ᠬᠠᠳᠠᠭ᠋ᠠᠯᠠᠮᠵᠢ ᠵᠢ ᠦᠭᠡᠢ᠌ᠰᠭᠡᠬᠦ᠂ ᠦᠢ᠍ᠯᠡᠳᠪᠦᠷᠢᠯᠡᠬᠦ ᠴᠢᠳᠠᠪᠤᠷᠢ ᠵᠢ ᠦᠭᠡᠢ᠌ᠰᠭᠡᠬᠦ ᠵᠢ ᠰᠠᠢ᠌ᠲᠤᠷ ᠬᠢᠬᠦ ᠬᠡᠷᠡᠭᠲᠡᠢ᠃ ᠦᠢ᠍ᠯᠡᠳᠪᠦᠷᠢᠯᠡᠬᠦ ᠴᠢᠳᠠᠪᠤᠷᠢ ᠵᠢ ᠦᠭᠡᠢ᠌ᠰᠭᠡᠬᠦ᠄ ᠮᠠᠨ᠎ᠤ ᠤᠷᠤᠨ᠎ᠤ ᠤᠳᠤ ᠪᠠᠶ᠋ᠢᠭ᠎ᠠ ᠨᠡᠭᠦᠷᠡᠰᠦᠨ᠎ᠤ ᠦᠢ᠍ᠯᠡᠳᠪᠦᠷᠢᠯᠡᠬᠦ ᠴᠢᠳᠠᠪᠤᠷᠢ13.16 ᠳ᠋ᠦᠩᠰᠢᠭᠤᠷ ᠲᠣᠨ \ ᠵᠢᠯ᠂ ᠦᠢ᠍ᠯᠡᠳᠪᠦᠷᠢᠯᠡᠬᠦ ᠴᠢᠳᠠᠪᠤᠷᠢ ᠵᠢᠨ ᠠᠰᠢᠭᠯᠠᠮᠵᠢ ᠵᠢᠨ ᠨᠤᠷᠮ᠎ᠡ 71% ᠪᠤᠯᠤᠨ᠎ᠠ; ᠪᠣᠯᠣᠳ ᠲᠡᠮᠦᠷ᠎ᠤᠨ ᠦᠢ᠍ᠯᠡᠳᠪᠦᠷᠢᠯᠡᠯ᠎ᠤᠨ ᠴᠢᠳᠠᠪᠤᠷᠢ 3190 ᠲᠦᠮᠡᠨ ᠲᠣᠨ᠂ ᠦᠢ᠍ᠯᠡᠳᠪᠦᠷᠢᠯᠡᠬᠦ ᠴᠢᠳᠠᠪᠤᠷᠢ ᠵᠢᠨ ᠠᠰᠢᠭᠯᠠᠮᠵᠢ ᠵᠢᠨ ᠨᠤᠷᠮ᠎ᠠ 54.4% ᠪᠤᠯᠤᠨ᠎ᠠ᠃ ᠤᠯᠤᠰ᠎ᠤᠨ ᠱᠠᠭ᠋ᠠᠷᠳᠠᠯᠭ᠎ᠠ ᠶᠣᠰᠣᠭ᠋ᠠᠷ᠂ ᠨᠡᠭᠦᠷᠡᠰᠦ᠂ ᠪᠣᠯᠣᠳ ᠲᠡᠮᠦᠷ᠂ ᠱᠦᠢ᠍ᠨᠢ᠂ ᠰᠢᠯ᠎ᠤᠨ ᠰᠢᠨ᠎ᠡ᠎ᠪᠠᠷ ᠨᠡᠮᠡᠭᠳᠡᠭᠦᠯᠬᠦ ᠦᠢ᠍ᠯᠡᠳᠪᠦᠷᠢᠯᠡᠬᠦ ᠴᠢᠳᠠᠪᠤᠷᠢ ᠵᠢᠨ ᠲᠦᠷᠦᠯ ᠵᠦᠢ᠍ᠯ᠎ᠢ ᠳᠠᠬᠢᠨ ᠦᠯᠦ ᠵᠥᠪᠰᠢᠶᠡᠷᠡᠬᠦ ᠲᠤᠬᠠᠶ ᠲᠤᠭᠲᠠᠭ᠋ᠠᠯ᠎ᠢ ᠴᠢᠩᠭ᠎ᠠ ᠬᠡᠷᠡᠭᠵᠢᠭᠦᠯᠵᠦ᠂ ᠤᠯᠤᠰ᠎ᠤᠨ ᠣᠷᠴᠢᠨ ᠠᠬᠤᠶ ᠵᠢ ᠬᠠᠮᠠᠭ᠋ᠠᠯᠠᠬᠤ᠂ ᠡᠨ᠋ᠸᠷᠬᠢ ᠵᠢᠨ ᠬᠤᠷᠤᠭᠳᠠᠯ᠂ ᠶᠠᠰᠤ ᠴᠢᠨᠠᠷ᠂ ᠠᠮᠤᠷ ᠲᠦᠪᠰᠢᠨ᠂ ᠮᠡᠷᠭᠡᠵᠢᠯ ᠵᠡᠷᠭᠡ ᠠᠵᠤ ᠦᠢ᠍ᠯᠡᠰ᠎ᠤᠨ ᠲᠦᠷᠦ ᠵᠢᠨ ᠪᠤᠳᠤᠯᠭ᠎ᠠ ᠵᠢᠨ ᠱᠠᠭ᠋ᠠᠷᠳᠠᠯᠭ᠎ᠠ᠎ᠳᠤ ᠨᠡᠢ᠌ᠴᠡᠬᠦ ᠦᠭᠡᠢ ᠵᠦᠢ᠍ᠯ᠎ᠢ ᠲᠣᠭᠲᠠᠭᠰᠠᠨ ᠬᠤᠭᠤᠴᠠᠭ᠋ᠠᠨ᠎ᠳᠤ ᠴᠡᠭᠴᠡᠯᠡᠨ ᠵᠠᠰᠠᠵᠤ᠂ ᠬᠤᠭᠤᠴᠠᠭ᠎ᠠ᠎ᠨᠢ ᠳᠦᠭᠦᠷᠦᠭᠰᠡᠨ᠎ᠤ ᠲᠠᠷᠠᠭ᠎ᠠ ᠮᠥᠨ ᠬᠦ᠌ ᠱᠠᠭ᠋ᠠᠷᠳᠠᠯᠭ᠎ᠠ᠎ᠳᠤ ᠬᠦᠷᠦᠭᠰᠡᠨ ᠦᠭᠡᠢ ᠪᠤᠯ ᠬᠠᠤᠯᠢ ᠶᠣᠰᠣᠭ᠋ᠠᠷ ᠡᠮᠬᠢ ᠵᠢᠷᠤᠮ᠎ᠲᠠᠢ ᠤᠬᠤᠷᠢᠨ ᠭᠠᠷᠭ᠋ᠠᠨ᠎ᠠ᠃ ᠡᠭᠦᠨ᠎ᠤ ᠬᠠᠮᠲᠤ᠂ ᠨᠢᠭᠡᠨᠲᠡ ᠵᠠᠮ ᠵᠶ᠋ᠠᠨ ᠣᠯᠤᠭᠰᠠᠨ ᠴᠠᠬᠢᠯᠭ᠋ᠠᠨ ᠬᠦᠴᠦ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠭᠣᠣᠯᠳᠠᠯᠭ᠎ᠠ᠎ᠲᠠᠢ ᠲᠦᠷᠦᠯ ᠵᠦᠢ᠍ᠯ ᠪᠠ ᠤᠳᠤ ᠪᠠᠶ᠋ᠢᠭ᠎ᠠ ᠦᠢ᠍ᠯᠡᠳᠪᠦᠷᠢᠯᠡᠯ᠂ ᠪᠠᠶ᠋ᠢᠭᠤᠯᠵᠤ ᠪᠠᠶ᠋ᠢᠭ᠎ᠠ ᠨᠡᠭᠦᠷᠡᠰᠦᠨ ᠠᠭᠤᠷᠬᠠᠶ ᠵᠢ ᠬᠤᠯᠪᠤᠭ᠋ᠠᠯᠠᠨ ᠲᠠᠬᠢᠨ ᠵᠣᠬᠢᠶᠠᠨ ᠪᠠᠶ᠋ᠢᠭᠤᠯᠬᠤ᠂ ᠤᠳᠤ ᠪᠠᠶ᠋ᠢᠭ᠎ᠠ ᠦᠯᠡᠭᠦᠦ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠬᠢᠭᠡᠳ ᠡᠨᠧᠷᠭᠢ ᠵᠢᠨ ᠬᠣᠷᠣᠭᠳᠠᠭᠤᠯᠤᠯ ᠶᠡᠬᠡᠲᠡᠶ ᠠᠵᠢᠯ ᠲᠥᠷᠥᠯ᠎ᠢ ᠬᠣᠯᠪᠣᠭ᠋ᠠᠯᠠᠵᠤ ᠲᠠᠬᠢᠨ ᠵᠣᠬᠢᠶᠠᠨ ᠪᠠᠶ᠋ᠢᠭᠤᠯᠬᠤ ᠵᠢ ᠪᠥᠬᠥ ᠬᠦᠴᠦᠨ ᠵᠶ᠋ᠠᠷ ᠵᠶ᠋ᠠᠨ ᠲᠥᠯᠬᠢᠨ ᠠᠬᠢᠭᠤᠯᠤᠨ᠎ᠠ᠃ ᠬᠦᠮᠦᠷᠭᠡ ᠵᠢᠨ ᠬᠠᠳᠠᠭ᠋ᠠᠯᠠᠮᠵᠢ ᠵᠢ ᠦᠭᠡᠢ᠌ᠰᠭᠡᠬᠦ᠄ ᠬᠣᠯᠪᠣᠭᠳᠠᠯ ᠪᠦᠬᠦᠢ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠬᠤ ᠠᠵᠢᠯ᠎ᠢ ᠰᠠᠶ᠋ᠢᠲᠤᠷ ᠠᠳᠬᠤᠵᠤ᠂ ᠲᠦᠬᠦᠮ ᠪᠦᠳᠦᠭᠦᠯᠢᠭ ᠣᠷᠣᠨ ᠰᠠᠭᠤᠴᠠᠲᠤ ᠲᠣᠭᠣᠷᠢᠭ᠎ᠤᠨ ᠦᠭᠡᠷᠡᠴᠢᠯᠡᠯᠲᠡ ᠵᠢᠨ ᠵᠤᠭᠤᠰᠴᠢᠯᠠᠭᠰᠠᠨ ᠲᠦᠪᠬᠢᠨᠡᠭᠦᠯᠦᠯᠲᠡ ᠵᠢ ᠶᠡᠬᠡᠪᠡᠷ ᠲᠦᠯᠬᠢᠨ ᠠᠬᠢᠭᠤᠯᠵᠤ᠂ ᠮᠠᠯᠴᠢᠨ ᠲᠠᠷᠢᠶᠠᠴᠢᠳ ᠬᠤᠳᠠ ᠣᠷᠣᠵᠤ ᠭᠡᠷ ᠪᠠᠶ᠋ᠢᠰᠢᠩ ᠬᠤᠳᠠᠯᠳᠤᠨ ᠠᠪᠬᠤ ᠵᠢ ᠵᠣᠷᠢᠭᠵᠢᠭᠤᠯᠤᠨ ᠳᠡᠮᠵᠢᠵᠦ᠂ ᠣᠷᠣᠨ ᠰᠠᠭᠤᠴᠠ ᠲᠦᠷᠢᠶᠡᠰᠦᠯᠡᠬᠦ ᠵᠠᠬ᠎ᠠ ᠳᠡᠯᠭᠡᠭᠦᠷ᠎ᠢ ᠢᠳᠡᠪᠬᠢᠲᠡᠶ᠎ᠪᠠᠷ ᠪᠣᠶ᠋ᠢᠵᠢᠭᠤᠯᠤᠨ ᠬᠥᠭᠵᠢᠭᠦᠯᠵᠦ᠂ ᠭᠡᠷ ᠭᠠᠵᠠᠷ ᠬᠦᠷᠦᠩᠭᠡ ᠵᠢᠨ ᠬᠦᠮᠦᠷᠭᠡ ᠵᠢᠨ ᠬᠠᠳᠠᠭ᠋ᠠᠯᠠᠮᠵᠢ ᠵᠢ ᠦᠭᠡᠢ᠌ᠰᠭᠡᠬᠦ᠎ᠳᠤ ᠡᠷᠲᠡᠬᠡᠨ ᠠᠮᠵᠢᠯᠲᠠ ᠤᠯᠬᠤ ᠵᠢ ᠲᠦᠯᠬᠢᠨ ᠠᠬᠢᠭᠤᠯᠤᠨ᠎ᠠ᠃
      ᠳᠠᠬᠢᠪᠠᠯ᠂ 《ᠦᠷᠡᠵᠢᠭᠦᠯᠬᠦ》 ᠲᠤᠮᠢᠶ᠎ᠠ ᠵᠢ ᠰᠠᠢ᠌ᠲᠤᠷ ᠬᠢᠬᠦ ᠬᠡᠷᠡᠭᠲᠡᠶ᠃ 《ᠦᠷᠡᠵᠢᠭᠦᠯᠬᠦ》 ᠲᠤᠮᠢᠶ᠎ᠠ ᠪᠣᠯ ᠳᠠᠷᠤᠶ ᠰᠢᠨ᠎ᠡ ᠵᠢ ᠡᠭᠦᠳᠦᠨ ᠬᠥᠭᠵᠢᠭᠦᠯᠬᠦ ᠪᠤᠯᠤᠨ᠎ᠠ᠃ 《12· 5》᠎ᠤᠨ ᠬᠤᠭᠤᠴᠠᠭ᠋ᠠᠨ᠎ᠳᠤ᠂ ᠮᠠᠨ᠎ᠤ ᠤᠷᠤᠨ᠎ᠤ ᠶᠡᠷᠦᠩᠬᠡᠶ᠋ᠢᠯᠡᠭᠰᠡᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠢᠯᠡᠳᠬᠡᠮᠵᠢ᠎ᠨᠢ 45.13% ᠪᠠᠢ᠌ᠵᠤ᠂ ᠪᠦᠬᠦ ᠤᠯᠤᠰ᠎ᠤᠨ 20 ᠳ᠋ᠤᠭ᠋ᠠᠷ᠎ᠲᠤ ᠪᠠᠢ᠌ᠷᠢᠯᠠᠵᠤ᠂ ᠪᠦᠬᠦ ᠤᠯᠤᠰ᠎ᠤᠨ ᠳᠤᠮᠳᠠᠴᠢ ᠬᠢᠷᠢ ᠬᠡᠮᠵᠢᠶ᠎ᠡ᠎ᠠᠴᠠ18.42 ᠵᠠᠭᠤᠨ᠎ᠤ ᠴᠡᠭ ᠳᠤᠤᠷ᠎ᠠ ᠪᠠᠢ᠌ᠪᠠ᠃ ᠮᠠᠨ᠎ᠤ ᠤᠷᠤᠨ᠎ᠳᠤ ᠠᠪᠴᠤ ᠬᠡᠯᠡᠪᠡᠯ᠂ 《ᠦᠷᠡᠵᠢᠭᠦᠯᠬᠦ》 ᠲᠤᠮᠢᠶ᠎ᠠ ᠵᠢ ᠰᠠᠢ᠌ᠲᠤᠷ ᠬᠢᠬᠦ᠎ᠨᠢ ᠳᠠᠷᠤᠢ ᠰᠢᠨ᠎ᠡ ᠵᠢ ᠡᠭᠦᠳᠴᠦ ᠳᠤᠲᠠᠭᠤ ᠲᠠᠯ᠎ᠠ᠎ᠪᠠᠨ ᠨᠥᠬᠥᠵᠦ ᠪᠦᠷᠢᠳᠦᠭᠦᠯᠬᠦ ᠪᠤᠯᠤᠨ᠎ᠠ᠃ ᠨᠢᠭᠡ ᠲᠠᠯ᠎ᠠ᠎ᠪᠠᠷ᠂ ᠴᠢᠨᠠᠷ ᠰᠠᠶ᠋ᠢᠲᠠᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠢ ᠭᠦᠢ᠍ᠴᠡᠳ ᠡᠮᠬᠢᠯᠡᠨ ᠨᠡᠶ᠋ᠢᠯᠡᠭᠦᠯᠵᠦ᠂ ᠳᠡᠭᠡᠳᠦ ᠶᠡᠬᠡ ᠰᠤᠷᠭ᠋ᠠᠭᠤᠯᠢ᠂ ᠰᠢᠨᠵᠢᠯᠡᠬᠦ ᠤᠬᠠᠭ᠋ᠠᠨ ᠰᠤᠳᠤᠯᠭ᠋ᠠᠨ᠎ᠤ ᠬᠦᠷᠢᠶᠡᠯᠡᠩ ᠭᠠᠵᠠᠷ᠂ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ ᠪᠣᠯᠤᠨ ᠭᠣᠣᠯᠳᠠᠯᠭ᠎ᠠ᠎ᠲᠠᠢ ᠠᠵᠤ ᠠᠬᠤᠶ᠋ᠢᠯᠠᠯ᠎ᠳᠤ ᠲᠦᠰᠢᠭᠯᠡᠨ᠂ ᠲᠦᠯᠬᠢᠨ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠤᠨᠤᠭ ᠲᠥᠬᠥᠭᠡᠷᠦᠮᠵᠢ ᠦᠢ᠍ᠯᠡᠳᠬᠦ᠂ ᠤᠳᠤ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ᠂ ᠬᠥᠨᠭᠭᠡᠨ ᠴᠠᠭ᠋ᠠᠨ ᠶᠡᠬᠡᠲᠡᠶ ᠨᠤᠨᠲᠠᠭ ᠨᠡᠭᠦᠷᠡᠰᠦ ᠵᠢ ᠶᠡᠷᠦᠩᠬᠡᠶ᠋ᠢᠯᠡᠨ ᠠᠰᠢᠭᠯᠠᠬᠤ᠂ ᠤᠳᠦ ᠦᠶ᠎ᠡ ᠵᠢᠨ ᠮᠣᠩᠭᠣᠯ ᠡᠮ ᠡᠮᠨᠡᠯᠭᠡ᠂ ᠠᠮᠢᠳᠤ ᠪᠣᠳᠠᠰ᠎ᠤᠨ ᠡᠭᠦᠯᠳᠡᠷ ᠪᠣᠶ᠋ᠢᠵᠢᠭᠤᠯᠬᠤ᠂ ᠰᠦ ᠰᠠᠭ᠋ᠠᠯᠢ ᠵᠢᠨ ᠦᠢ᠍ᠯᠡᠰ᠎ᠤᠨ ᠪᠤᠯᠪᠠᠰᠤᠷᠠᠭᠤᠯᠬᠤ ᠵᠡᠷᠭᠡ ᠬᠦᠷᠢᠶᠡᠨ᠎ᠲᠤ ᠨᠢᠭᠡ ᠪᠦᠯᠦᠭ ᠤᠯᠤᠰ᠎ᠤᠨ ᠳᠡᠰ ᠪᠠ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠢᠨᠵᠧᠨᠧᠷᠢᠩ᠎ᠤᠨ ᠰᠤᠳᠤᠯᠤᠯ᠎ᠤᠨ ᠲᠥᠪ᠂ ᠢᠨᠵᠧᠨᠧᠷᠢᠩ᠎ᠤᠨ ᠲᠤᠷᠰᠢᠯᠲᠠ ᠵᠢᠨ ᠲᠠᠰᠤᠭ ᠪᠠ ᠠᠵᠤ ᠠᠬᠤᠶ᠋ᠢᠯᠠᠯ᠎ᠤᠨ ᠮᠡᠷᠭᠡᠵᠢᠯ᠎ᠤᠨ ᠲᠥᠪ ᠪᠠᠢ᠌ᠭᠤᠯᠬᠤ ᠵᠢ ᠲᠦᠯᠬᠢᠨ ᠠᠬᠢᠭᠤᠯᠤᠨ᠎ᠠ᠃ ᠨᠤᠢ᠍ᠬᠦᠭᠡ ᠲᠠᠯ᠎ᠠ᠎ᠪᠠᠷ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠷᠢᠶᠠᠯᠠᠯ ᠪᠠ ᠠᠰᠢᠭ ᠲᠤᠰᠠ ᠵᠢ ᠬᠤᠪᠢᠶᠠᠨ ᠡᠳ᠋ᠯᠡᠬᠦ ᠲᠣᠭᠲᠠᠴᠠ ᠵᠢ ᠲᠦᠷᠭᠡᠪᠴᠢᠯᠡᠨ ᠲᠡᠭᠦᠯᠳᠡᠷᠵᠢᠭᠦᠯᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ ᠳᠦᠷᠢᠮ》᠎ᠢ ᠲᠦᠷᠭᠡᠨ ᠵᠠᠰᠠᠪᠤᠷᠢ ᠤᠷᠤᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠲᠠᠨ᠎ᠤ ᠬᠤᠪᠢᠴᠠᠭ᠋ᠠᠨ ᠡᠷᠬᠡ ᠪᠠ ᠠᠰᠢᠭ ᠬᠤᠪᠢᠶᠠᠵᠤ ᠤᠷᠮᠠᠰᠢᠭᠤᠯᠬᠤ ᠲᠦᠷᠢᠮ᠎ᠤᠨ ᠪᠠᠶ᠋ᠢᠭᠤᠯᠤᠯᠲᠠ ᠵᠢ ᠨᠡᠮᠡᠭᠳᠡᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ ᠬᠢᠬᠦ ᠢᠳᠡᠪᠬᠢᠵᠢᠯ᠎ᠢ ᠲᠠᠢ᠌ᠴᠢᠯᠠᠬᠤ ᠬᠡᠷᠡᠭᠲᠡᠢ᠃
      ᠡᠴᠦᠰ᠎ᠲᠤᠨᠢ᠂ 《ᠬᠤᠪᠢᠶᠠᠬᠤ》 ᠲᠣᠮᠢᠶ᠎ᠠ ᠵᠢ ᠰᠠᠢ᠌ᠲᠤᠷ ᠬᠢᠬᠦ ᠬᠡᠷᠡᠭᠲᠡᠢ᠃ 《ᠬᠤᠪᠢᠶᠠᠬᠤ》 ᠲᠣᠮᠢᠶ᠎ᠠ ᠪᠣᠯ ᠵᠠᠰᠠᠭ᠎ᠢ ᠴᠣᠮᠬᠠᠳᠬᠠᠵᠤ ᠡᠷᠬᠡ ᠵᠢ ᠪᠠᠭᠤᠯᠭ᠋ᠠᠨ᠂ ᠭᠠᠭᠴᠠᠭ᠋ᠠᠷ ᠡᠵᠡᠮᠰᠢᠯ᠎ᠢ ᠠᠷᠢᠯᠭ᠋ᠠᠵᠤ᠂ ᠵᠠᠬᠢᠷᠤᠨ ᠬᠠᠮᠢᠶᠠᠷᠬᠤ ᠵᠢ ᠰᠤᠯᠠᠳᠬᠠᠵᠤ᠂ ᠠᠵᠤ ᠠᠬᠤᠶ᠋ᠢᠯᠠᠯ᠎ᠤᠨ ᠠᠵᠢᠯᠯᠠᠭ᠋ᠠᠨ᠎ᠤ ᠥᠪᠡᠷ᠎ᠤᠨ ᠦᠷᠳᠡᠭ᠂ ᠳᠦᠷᠢᠮ᠎ᠤᠨ ᠴᠢᠨᠠᠷᠲᠠᠶ ᠠᠷᠠᠯᠵᠢᠶᠠᠨ᠎ᠤ ᠥᠪᠡᠷ᠎ᠤᠨ ᠦᠷᠳᠡᠭ ᠪᠠ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠥᠪᠡᠷ᠎ᠤᠨ ᠦᠷᠳᠡᠭ᠎ᠢ ᠪᠠᠭᠤᠷᠠᠭᠤᠯᠵᠤ᠂ ᠡᠳ᠋᠎ᠤᠨ ᠵᠠᠰᠠᠭ ᠪᠠ ᠮᠥᠩᠭᠥᠨ ᠭᠦᠢ᠍ᠯᠭᠡᠭᠡᠨ᠎ᠤ ᠬᠦᠷᠢᠶᠡᠨ᠎ᠳᠠᠬᠢ ᠬᠤᠷᠠᠮᠳᠤᠭᠤᠯᠤᠯ᠎ᠤᠨ ᠠᠶᠤᠯ ᠲᠦᠭᠰᠢᠭᠦᠷᠢ ᠵᠢ ᠠᠷᠢᠯᠭ᠋ᠠᠨ᠎ᠠ᠃ ᠡᠭᠦᠨ᠎ᠳᠤ ᠭᠣᠣᠯᠳᠠᠭᠤ᠄ ᠨᠢᠭᠡ᠎ᠳᠤ ᠥᠭᠡᠷᠡᠴᠢᠯᠡᠯᠲᠡ ᠬᠢᠬᠦ᠎ᠪᠠᠷ ᠳᠠᠮᠵᠢᠭᠤᠯᠤᠨ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠭᠤᠷᠪᠠᠳᠤᠭ᠋ᠠᠷ ᠪᠥᠬᠥᠳᠡ ᠬᠤᠷᠠᠯ᠎ᠠᠴᠠ ᠨᠠᠰᠢ᠂ ᠮᠠᠨ᠎ᠤ ᠣᠷᠣᠨ 615 ᠵᠦᠢ᠍ᠯ᠎ᠤᠨ ᠥᠭᠡᠷᠡᠴᠢᠯᠡᠯᠲᠡ ᠵᠢᠨ ᠲᠥᠰᠦᠯ ᠲᠣᠭᠲᠠᠭ᠋ᠠᠬᠤ ᠠᠵᠢᠯ᠎ᠢ ᠨᠢᠭᠡᠨᠲᠡ ᠪᠡᠶᠡᠯᠡᠭᠦᠯᠵᠦ᠂ ᠪᠦᠬᠦ ᠡᠭᠦᠷᠭᠡ ᠵᠢᠨ 60 %᠎ᠠᠴᠠ ᠳᠡᠭᠡᠭᠰᠢᠬᠢ ᠵᠢ ᠡᠵᠡᠯᠡᠵᠦ᠂ ᠡᠯ᠎ᠡ ᠲᠦᠷᠦᠯ᠎ᠤᠨ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢᠨ ᠠᠮᠢᠵᠢᠷᠠᠯ᠎ᠤᠨ ᠬᠦᠴᠦᠨ᠎ᠢ ᠪᠦᠲᠦᠮᠵᠢᠲᠡᠶ᠎ᠪᠠᠷ ᠬᠥᠭᠵᠢᠭᠡᠨ ᠳᠠᠶ᠋ᠢᠴᠢᠯᠠᠭᠰᠠᠨ ᠪᠠᠶ᠋ᠢᠨ᠎ᠠ᠃ ᠥᠭᠡᠷᠡᠴᠢᠯᠡᠯᠲᠡ ᠵᠢᠨ ᠠᠵᠢᠯ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠲᠥᠰᠦᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ᠂ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠵᠢ ᠬᠦᠴᠦᠲᠡᠶ ᠠᠳᠬᠤᠨ᠎ᠠ᠃ ᠬᠣᠶᠠᠷ᠎ᠲᠤ ᠥᠪᠡᠷ᠎ᠤᠨ ᠥᠷᠲᠡᠭ᠎ᠢ ᠪᠠᠭᠤᠷᠠᠭᠤᠯᠬᠤ᠎ᠪᠠᠷ ᠳᠠᠮᠵᠢᠭᠤᠯᠤᠨ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠦᠨ᠎ᠡ᠃ ᠠᠵᠤ ᠠᠬᠤᠶ᠋ᠢᠯᠠᠯ᠎ᠤᠨ ᠭᠠᠶ᠋ᠢᠯᠢ ᠵᠢᠨ ᠳᠠᠷᠤᠭ᠋ᠠᠰᠤ᠂ ᠡᠨᠧᠷᠭᠢ ᠬᠡᠷᠡᠭᠯᠡᠬᠦ ᠥᠪᠡᠷ᠎ᠤᠨ ᠦᠷᠳᠡᠭ᠂ ᠭᠠᠵᠠᠷ ᠬᠡᠷᠡᠭᠯᠡᠬᠦ ᠥᠪᠡᠷ᠎ᠤᠨ ᠦᠷᠳᠡᠭ᠂ ᠪᠡᠯᠡ ᠲᠣᠬᠢᠷᠠᠭᠤᠯᠬᠤ ᠥᠪᠡᠷ᠎ᠤᠨ ᠥᠷᠲᠡᠭ᠂ ᠳᠦᠷᠢᠮ᠎ᠤᠨ ᠴᠢᠨᠠᠷᠲᠠᠶ ᠠᠷᠠᠯᠵᠢᠶᠠᠨ᠎ᠤ ᠥᠪᠡᠷ᠎ᠤᠨ ᠦᠷᠳᠡᠭ᠂ ᠬᠥᠮᠦᠨ᠎ᠤ ᠬᠦᠴᠦᠨ᠎ᠤ ᠥᠪᠡᠷ᠎ᠤᠨ ᠥᠷᠳᠡᠭ᠂ ᠡᠳ᠋ ᠪᠠᠷᠠᠭ᠋ᠠᠨ᠎ᠤ ᠭᠦᠢ᠍ᠯᠭᠡᠭᠡ ᠵᠢᠨ ᠥᠪᠡᠷ᠎ᠤᠨ ᠦᠷᠲᠡᠭ ᠵᠡᠷᠭᠡ ᠲᠠᠯ᠎ᠠ᠎ᠪᠠᠷ ᠪᠠᠭᠤᠷᠠᠭᠤᠯᠬᠤ ᠵᠢ ᠲᠦᠯᠬᠢᠨ ᠠᠬᠢᠭᠤᠯᠵᠤ᠂ ᠥᠪᠡᠷ᠎ᠤᠨ ᠥᠷᠲᠡᠭ᠎ᠢ ᠪᠠᠭᠤᠷᠠᠭᠤᠯᠬᠤ ᠠᠵᠢᠯ᠎ᠤᠨ ᠠᠮᠵᠢᠯᠲᠠ ᠣᠯᠬᠤ ᠵᠢ ᠦᠨᠡᠨ ᠬᠦ᠌ ᠲᠦᠯᠬᠢᠨ ᠠᠬᠢᠭᠤᠯᠤᠨ᠎ᠠ᠃ ᠭᠤᠷᠪᠠ᠎ᠳᠤ ᠬᠦᠰᠢᠬᠦᠷᠭᠡ ᠵᠢ ᠦᠭᠡᠢ᠌ᠰᠬᠡᠬᠦ᠎ᠪᠠᠷ ᠳᠠᠮᠵᠢᠭᠤᠯᠤᠨ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠠᠷᠢᠯᠭ᠋ᠠᠨ᠎ᠠ᠃ 2015 ᠣᠨ ᠰᠡᠭᠦᠯᠴᠢ᠎ᠪᠠᠷ᠂ ᠪᠥᠬᠥ ᠣᠷᠣᠨ᠎ᠤ ᠬᠥᠰᠢᠭᠦᠷᠭᠡ ᠵᠢᠨ ᠨᠣᠷᠮ᠎ᠠ 95% ᠪᠠᠢ᠌ᠵᠤ᠂ ᠪᠦᠬᠦ ᠤᠯᠤᠰ᠎ᠤᠨ ᠳᠤᠮᠳᠠᠴᠢ ᠬᠢᠷᠢ ᠬᠡᠮᠵᠢᠶ᠎ᠡ᠎ᠠᠴᠠ 44 ᠵᠠᠭᠤᠨ᠎ᠤ ᠴᠡᠭ ᠳᠣᠣᠷ᠎ᠠ ᠪᠠᠢ᠌ᠪᠠ᠃ ᠡᠯ᠎ᠡ ᠲᠦᠷᠦᠯ᠎ᠤᠨ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠴᠢᠷᠮᠠᠶ᠋ᠢᠨ ᠰᠡᠷᠭᠡᠶ᠋ᠢᠯᠡᠨ ᠠᠷᠢᠯᠭ᠋ᠠᠬᠤ ᠬᠡᠷᠡᠭᠲᠡᠶ᠃ ᠡᠯ᠎ᠡ ᠲᠦᠷᠦᠯ᠎ᠤᠨ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠢᠲᠡᠭᠡᠮᠵᠢᠲᠦ ᠵᠢᠭᠡᠯᠡᠯᠭᠡ ᠵᠢᠨ ᠬᠡᠪᠴᠢᠶ᠎ᠡ ᠵᠢ ᠦᠷᠭᠦᠯᠵᠢᠯᠡᠨ ᠥᠷᠭᠡᠳᠬᠡᠬᠦ ᠵᠢ ᠬᠥᠲᠥᠯᠥᠨ ᠵᠢᠯᠣᠭᠣᠳᠬᠤ ᠵᠢᠨ ᠬᠠᠮᠲᠤ ᠰᠲ᠋ᠣᠺ᠂ ᠵᠢᠭᠡᠯᠡᠯᠭᠡ ᠵᠢᠨ ᠲᠡᠮᠳᠡᠭᠲᠦ ᠵᠡᠷᠭᠡ ᠮᠥᠩᠭᠥᠨ ᠭᠦᠢ᠍ᠯᠭᠡᠭᠡᠨ᠎ᠤ ᠤᠯᠠᠨ ᠵᠦᠢ᠍ᠯ᠎ᠤᠨ ᠪᠠᠭ᠋ᠠᠵᠢ ᠵᠢ ᠭᠦᠢ᠍ᠴᠡᠳ ᠠᠰᠢᠭᠯᠠᠨ᠂ ᠰᠢᠭᠤᠳ ᠪᠡᠯᠡ ᠲᠣᠬᠢᠷᠠᠭᠤᠯᠬᠤ ᠬᠡᠪᠴᠢᠶ᠎ᠡ ᠵᠢ ᠥᠷᠭᠡᠳᠬᠡᠨ᠎ᠡ᠃ ᠡᠭᠦᠨ᠎ᠤ ᠬᠠᠮᠲᠤ᠂ ᠡᠷᠡᠭᠦᠯ ᠪᠤᠰᠤ ᠵᠢᠭᠡᠯᠡᠯᠭᠡ ᠵᠢᠨ ᠲᠤᠯᠭ᠋ᠠᠨ ᠲᠠᠶ᠋ᠢᠯᠬᠤ ᠪᠠ ᠪᠥᠭᠡᠮ ᠵᠶ᠋ᠠᠷ ᠰᠢᠯᠵᠢᠭᠦᠯᠦᠨ ᠥᠭᠬᠦ ᠠᠬᠢᠴᠠ ᠵᠢ ᠲᠦᠷᠭᠡᠳᠬᠡᠵᠦ᠂ ᠡᠷᠡᠭᠦᠯ ᠪᠤᠰᠤ ᠵᠢᠭᠡᠯᠡᠯᠭᠡ ᠵᠢ ᠠᠷᠢᠯᠭ᠋ᠠᠵᠦ᠂ ᠵᠠᠰᠠᠭ᠎ᠤᠨ ᠣᠷᠳᠣᠨ᠎ᠤ ᠦᠯᠡᠳᠡᠵᠦ ᠪᠠᠶ᠋ᠢᠭ᠎ᠠ ᠥᠭᠴᠡᠭᠡ ᠵᠢ ᠰᠣᠯᠢᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃
      ᠬᠥᠲᠥᠯᠥᠭᠴᠢ᠄
      ᠪᠣᠤ ᠡᠷᠬᠢᠯᠡᠭᠴᠢ᠂ 《ᠬᠥᠲᠥᠯᠪᠦᠷᠢ》᠎ᠳᠤ 《13· 5》 ᠵᠢᠨ ᠬᠤᠭᠤᠴᠠᠭ᠋ᠠᠨ᠎ᠳᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠦᠷᠳᠡᠭ᠎ᠢ ᠵᠢᠯ ᠪᠦᠷᠢ ᠳᠤᠮᠳᠠᠴᠢ᠎ᠪᠠᠷ 7.5 %᠎ᠪᠠᠷ ᠨᠡᠮᠡᠭᠳᠡᠭᠦᠯᠦᠨ᠎ᠡ ᠭᠡᠵᠦ ᠲᠣᠭᠲᠠᠭ᠋ᠠᠵᠠᠢ᠂ ᠲᠡᠭᠡᠪᠡᠯ ᠦᠢ᠍ᠯᠡᠳᠪᠦᠷᠢᠯᠡᠬᠦ ᠴᠢᠳᠠᠪᠤᠷᠢ ᠵᠢ ᠦᠭᠡᠢ᠌ᠰᠬᠡᠬᠦ ᠶᠡᠬᠡ ᠠᠬᠤᠶ ᠪᠠᠶ᠋ᠢᠳᠠᠯ᠎ᠤᠨ ᠳᠣᠣᠷ᠎ᠠ ᠡᠨᠡ ᠬᠦ᠌ ᠲᠣᠭᠲᠠᠭᠤᠨ ᠨᠡᠮᠡᠭᠳᠡᠯ᠎ᠢ ᠬᠡᠷᠬᠢᠨ ᠪᠠᠲᠤᠯᠠᠬᠤ ᠪᠣᠢ?
      ᠪᠤᠥ ᠮᠠᠨᠳᠠ᠄
      ᠥᠪᠡᠷᠲᠡᠭᠡᠨ ᠵᠠᠰᠠᠬᠤ ᠣᠷᠣᠨ᠎ᠤ 《ᠬᠥᠲᠥᠯᠪᠦᠷᠢ》᠎ᠳᠤ ᠳᠤᠷᠠᠳᠤᠭᠰᠠᠨ᠎ᠨᠢ᠂ ᠬᠣᠶ᠋ᠢᠰᠢᠳᠠ ᠵᠢᠨ 5 ᠵᠢᠯ᠎ᠳᠤ ᠮᠠᠨ᠎ᠤ ᠣᠷᠣᠨ᠎ᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠦᠷᠳᠡᠭ᠎ᠢ ᠵᠢᠯ ᠪᠦᠷᠢ ᠳᠤᠮᠳᠠᠴᠢ᠎ᠪᠠᠷ 7.5% ᠣᠷᠴᠢᠮ ᠨᠡᠮᠡᠭᠳᠡᠭᠦᠯᠦᠨ᠎ᠡ᠂ 2020 ᠣᠨ ᠪᠣᠯᠬᠤ᠎ᠳᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠦᠷᠳᠡᠭ᠎ᠨᠢ 2.6 ᠳ᠋ᠦᠩᠰᠢᠭᠤᠷ ᠲᠥᠭᠥᠷᠢᠭ ᠣᠷᠴᠢᠮ ᠬᠦᠷᠦᠨ᠎ᠡ᠃ ᠶᠠᠭᠤᠨ᠎ᠤ ᠡᠮᠦᠨ᠎ᠡ ᠬᠡᠷᠡᠭᠴᠡᠭᠡ ᠵᠢ ᠪᠣᠳᠣᠯᠬᠢᠯᠠᠬᠤ ᠴᠢᠬᠤᠯᠠᠲᠠᠶ᠃ ᠮᠠᠨ᠎ᠤ ᠣᠷᠣᠨ᠎ᠤ ᠰᠠᠭᠤᠷᠢ ᠪᠡᠯᠡᠳᠬᠡᠮᠵᠢ᠂ ᠠᠵᠤ ᠦᠢ᠍ᠯᠡᠰ᠎ᠤᠨ ᠬᠥᠭᠵᠢᠯᠲᠡ᠂ ᠠᠷᠠᠳ᠎ᠤᠨ ᠠᠮᠢᠳᠤᠷᠠᠯ᠎ᠤᠨ ᠬᠦᠷᠢᠶ᠎ᠡ ᠬᠡᠪᠴᠢᠶ᠎ᠡ ᠵᠡᠷᠭᠡ ᠲᠠᠯ᠎ᠠ᠎ᠪᠠᠷ ᠤᠯᠤᠰ᠎ᠤᠨ ᠳᠣᠲᠣᠭ᠋ᠠᠳᠤ ᠵᠢᠨ ᠬᠥᠭᠵᠢᠭᠰᠡᠨ ᠭᠠᠵᠠᠷ ᠣᠷᠣᠨ᠎ᠲᠠᠢ ᠬᠠᠷᠢᠴᠠᠭᠤᠯᠪᠠᠯ ᠪᠠᠰᠠ ᠨᠡᠯᠢᠶᠡᠳ ᠳᠣᠲᠠᠭᠤ ᠲᠠᠯ᠎ᠠ ᠪᠠᠢ᠌ᠵᠤ᠂ ᠲᠤᠲᠠᠭᠤ ᠲᠠᠯ᠎ᠠ᠎ᠪᠠᠨ ᠨᠥᠬᠦᠬᠦ ᠵᠢᠨ ᠲᠥᠯᠥᠭᠡ᠂ ᠦᠷᠭᠦᠯᠵᠢᠯᠡᠨ ᠪᠦᠬᠦ ᠤᠯᠤᠰ᠎ᠤᠨ ᠳᠤᠮᠳᠠᠴᠢ ᠬᠤᠷᠳᠤᠴᠠ᠎ᠠᠴᠠ ᠲᠦᠷᠭᠡᠨ ᠨᠡᠮᠡᠭᠳᠡᠯ᠎ᠤᠨ ᠬᠤᠷᠳᠤᠴᠠ᠎ᠲᠠᠢ ᠪᠠᠶ᠋ᠢᠯᠭ᠋ᠠᠬᠤ ᠬᠡᠷᠡᠭᠲᠡᠶ; ᠲᠠᠷᠠᠭ᠎ᠠ᠎ᠳᠤᠨᠢ ᠪᠣᠯᠤᠯᠴᠠᠭ᠎ᠠ ᠵᠢ ᠪᠣᠳᠣᠯᠬᠢᠯᠠᠬᠤ ᠬᠡᠷᠡᠭᠲᠡᠢ ᠶᠤᠮ᠃ ᠤᠯᠠᠨ ᠵᠢᠯ᠎ᠤᠨ ᠬᠤᠷᠠᠮᠳᠤᠭᠤᠯ ᠵᠶ᠋ᠠᠷ᠂ ᠮᠠᠨ᠎ᠤ ᠣᠷᠣᠨ ᠬᠥᠭᠵᠢᠯᠲᠡ᠎ᠳᠤ ᠵᠣᠬᠢᠬᠤ ᠰᠠᠭᠤᠷᠢ   ᠲᠠᠯᠪᠢᠵᠤ᠂ ᠢᠯᠠᠩᠭᠤᠶ᠎ᠠ ᠤᠢ᠍ᠢ᠍ᠷ᠎ᠠ ᠵᠢᠨ ᠵᠢᠯ᠎ᠤᠳ᠎ᠲᠤ ᠪᠦᠲᠦᠮᠵᠢᠲᠡᠶ ᠣᠷᠣᠭᠤᠯᠤᠯᠲᠠ᠎ᠪᠠᠨ ᠦᠷᠭᠦᠯᠵᠢᠯᠡᠨ ᠨᠡᠮᠡᠭᠳᠡᠭᠦᠯᠵᠦ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠲᠦᠯᠬᠢᠨ ᠠᠬᠢᠭᠤᠯᠵᠤ᠂ 《ᠲᠠᠪᠤᠨ ᠶᠡᠬᠡ ᠰᠠᠭᠤᠷᠢᠨ ᠭᠠᠵᠠᠷ》 ᠠᠩᠬ᠎ᠠ ᠠᠯᠬᠤᠮ ᠲᠥᠯᠥᠪᠰᠢᠷᠡᠵᠦ᠂ ᠨᠢᠭᠡ ᠪᠦᠯᠦᠭ ᠵᠠᠮ ᠬᠠᠷᠢᠯᠴᠠᠭ᠎ᠠ᠂ ᠴᠠᠬᠢᠯᠭ᠋ᠠᠨ ᠬᠦᠴᠦᠨ᠎ᠤ ᠰᠠᠭᠤᠷᠢ ᠪᠡᠯᠡᠳᠬᠡᠮᠵᠢ ᠪᠣᠯᠤᠨ ᠰᠢᠨ᠎ᠡ ᠬᠡᠯᠪᠡᠷᠢ ᠵᠢᠨ ᠬᠢᠮᠢ ᠵᠢᠨ ᠠᠵᠤ ᠦᠢ᠍ᠯᠡᠳᠪᠦᠷᠢ ᠵᠡᠷᠭᠡ ᠴᠢᠬᠤᠯᠠ ᠶᠡᠬᠡ ᠲᠥᠷᠥᠯ ᠵᠦᠢ᠍ᠯ᠎ᠤᠳ᠎ᠢ ᠶᠠᠭ ᠪᠠᠶ᠋ᠢᠭᠤᠯᠵᠤ ᠡᠬᠢᠯᠡᠪᠡ᠃ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠪᠠᠶ᠋ᠢᠯᠳᠤᠬᠤ ᠪᠤᠳᠤᠯᠭ᠎ᠠ ᠵᠢ ᠭᠦᠨᠵᠡᠭᠡᠶ᠋ᠢᠷᠡᠭᠦᠯᠦᠨ ᠬᠡᠷᠡᠭᠵᠢᠭᠦᠯᠬᠦ ᠪᠠ ᠥᠭᠡᠷᠡᠴᠢᠯᠡᠯᠲᠡ ᠨᠠᠭᠡᠭᠡᠯᠲᠠ ᠵᠢ ᠲᠠᠰᠣᠷᠠᠯᠲᠠ ᠣᠢ᠍ᠭᠡᠢ ᠭᠦᠨᠵᠡᠭᠡᠢ᠌ᠷᠡᠭᠦᠯᠬᠦ ᠵᠢ ᠳᠠᠭ᠋ᠠᠯᠳᠤᠨ᠂ ᠰᠢᠨ᠎ᠡ ᠠᠵᠤ ᠦᠢ᠍ᠯᠡᠰ᠂ ᠰᠢᠨ᠎ᠡ ᠲᠧᠭᠨᠢᠭ ᠮᠡᠷᠭᠡᠵᠢᠯ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ ᠶᠡᠬᠡ ᠬᠡᠮᠵᠢᠶ᠎ᠡ᠎ᠪᠠᠷ ᠴᠣᠯᠭᠣᠷᠠᠨ ᠭᠠᠷᠬᠤ ᠪᠣᠯᠣᠨ᠎ᠠ᠂ ᠴᠢᠷᠮᠠᠶ᠋ᠢᠯᠭ᠎ᠠ᠎ᠪᠠᠷ ᠳᠠᠮᠵᠢᠭ᠋ᠠᠳ᠂ 7.5% ᠣᠷᠴᠢᠮ᠎ᠤᠨ ᠨᠡᠮᠡᠭᠳᠡᠯ᠎ᠤᠨ ᠬᠤᠷᠳᠤᠴᠠ ᠵᠢ ᠪᠡᠶᠡᠯᠡᠭᠦᠯᠵᠦ ᠪᠦᠷᠢᠨ ᠪᠣᠯᠬᠤ ᠶᠤᠮ᠃
      ᠬᠥᠲᠥᠯᠥᠭᠴᠢ᠄
      ᠠᠷᠠᠳ ᠲᠦᠮᠡᠨ᠎ᠳᠤ ᠨᠡᠩ ᠶᠡᠬᠡ ᠬᠦᠷᠲᠡᠭᠡᠯ ᠥᠭᠴᠦ᠂ ᠠᠷᠠᠳ ᠲᠦᠮᠡᠨ᠎ᠤ ᠠᠵᠠ ᠵᠢᠷᠭ᠋ᠠᠯ᠎ᠢ ᠨᠡᠮᠡᠭᠳᠡᠭᠦᠯᠬᠦ ᠪᠣᠯ ᠮᠠᠨ᠎ᠤ ᠣᠷᠣᠨ᠎ᠤ 《13· 5》 ᠵᠢᠨ ᠴᠢᠬᠤᠯᠠ ᠡᠭᠦᠷᠭᠡ ᠮᠥᠨ᠂ ᠡᠶ᠋ᠢᠮᠦ᠎ᠠᠴᠠ 《ᠬᠥᠲᠥᠯᠪᠦᠷᠢ》᠎ᠳᠤ ᠶᠠᠮᠠᠷ ᠶᠠᠮᠠᠷ ᠭᠣᠣᠯ ᠭᠣᠣᠯ ᠬᠥᠭᠵᠢᠯᠲᠡ ᠵᠢᠨ ᠭᠦᠢ᠍ᠴᠡᠳᠬᠡᠯ ᠲᠣᠭ᠎ᠠ ᠵᠢ ᠲᠣᠭᠲᠠᠭ᠋ᠠᠭᠰᠠᠨ ᠪᠤᠢ?       ᠪᠤᠥ ᠮᠠᠨᠳᠠ᠄
      ᠠᠷᠠᠳ ᠲᠦᠮᠡᠨ᠎ᠤ ᠠᠵᠠ ᠵᠢᠷᠭ᠋ᠠᠯ᠎ᠢ ᠲᠠᠰᠤᠷᠠᠯᠲᠠ ᠦᠭᠡᠢ ᠨᠡᠮᠡᠭᠳᠡᠭᠦᠯᠵᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠪᠣᠯ ᠠᠵᠤ ᠠᠬᠤᠶ ᠨᠡᠶ᠋ᠢᠭᠡᠮ᠎ᠤᠨ ᠬᠥᠭᠵᠢᠯ᠎ᠤᠨ ᠡᠭᠦᠰᠭᠡᠯ ᠪᠣᠯᠤᠨ ᠲᠡᠭᠦᠰᠬᠡᠯ ᠮᠥᠨ᠃ 《ᠬᠥᠲᠥᠯᠪᠦᠷᠢ》᠎ᠨᠢ ᠬᠠᠮᠲᠤᠪᠠᠷ ᠡᠳ᠋ᠯᠡᠬᠦ ᠬᠥᠭᠵᠢᠯᠲᠡ ᠵᠢᠨ ᠲᠣᠭᠣᠷᠢᠨ᠎ᠳᠤ᠂ ᠶᠠᠳᠠᠭᠤ᠎ᠠᠴᠠ ᠠᠩᠭᠢᠵᠢᠷᠠᠬᠤ ᠰᠢᠪᠲᠤᠯᠤᠯᠲᠠ ᠵᠢᠨ ᠢᠨᠵᠧᠨᠧᠷᠢᠩ᠎ᠢ   ᠬᠡᠷᠡᠭᠵᠢᠭᠦᠯᠬᠦ᠂ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢ ᠲᠦᠯᠬᠢᠨ ᠠᠬᠢᠭᠤᠯᠬᠤ᠂ ᠠᠳᠠᠯ ᠦᠢ᠍ᠯᠡᠰ ᠴᠣᠭᠴᠠᠯᠠᠬᠤ ᠠᠵᠢᠯ ᠣᠯᠭᠣᠯᠲᠠ ᠵᠢ ᠠᠬᠢᠭᠤᠯᠬᠤ᠂ ᠣᠷᠣᠯᠭ᠎ᠠ ᠵᠢᠨ ᠬᠤᠪᠢᠶᠠᠷᠢᠯᠠᠯᠲᠠ ᠵᠢᠨ ᠲᠣᠭᠲᠠᠴᠠ ᠵᠢ ᠪᠦᠷᠢᠨᠰᠢᠭᠦᠯᠬᠦ᠂ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠬᠦ᠂ ᠥᠪᠥᠷ ᠮᠣᠩᠭᠣᠯ᠎ᠤᠨ ᠡᠷᠡᠭᠦᠯ ᠮᠡᠨᠳᠦ ᠵᠢᠨ ᠪᠦᠲᠦᠭᠡᠨ ᠪᠠᠶ᠋ᠢᠭᠤᠯᠤᠯᠲᠠ ᠵᠢ ᠲᠥᠯᠬᠢᠨ ᠠᠬᠢᠭᠤᠯᠬᠤ᠂ ᠬᠥᠮᠦᠨ ᠠᠮᠠ ᠵᠢᠨ ᠲᠡᠩᠴᠡᠭᠦᠷᠢᠲᠡᠶ ᠬᠥᠭᠵᠢᠬᠦ ᠵᠢ ᠠᠬᠢᠭᠤᠯᠬᠤ 7 ᠲᠠᠯ᠎ᠠ᠎ᠪᠠᠷ ᠲᠣᠳᠣᠷᠬᠠᠶ᠋ᠢᠯᠠᠨ ᠥᠭᠦᠯᠡᠵᠤ᠂ 17 ᠵᠦᠢ᠍ᠯ᠎ᠤᠨ ᠭᠣᠣᠯ ᠭᠦᠢ᠍ᠴᠡᠳᠬᠡᠯ ᠲᠣᠭ᠎ᠠ ᠵᠢ ᠳᠤᠷᠠᠳᠤᠨ ᠭᠠᠷᠭ᠋ᠠᠵᠤ᠂ ᠲᠤᠶ᠋ᠢᠯ᠎ᠤᠨ ᠶᠠᠳᠠᠭᠤ ᠬᠦᠴᠢᠷᠳᠡᠯᠲᠡᠶ ᠵᠢ ᠬᠦᠴᠦ ᠲᠠᠯᠪᠢᠨ ᠠᠷᠢᠯᠭ᠋ᠠᠵᠤ᠂ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢ ᠠᠳᠠᠯᠢ ᠲᠡᠭᠰᠢ ᠪᠣᠯᠭ᠋ᠠᠬᠤ ᠵᠢ ᠲᠦᠯᠬᠢᠨ ᠠᠬᠢᠭᠤᠯᠵᠤ᠂ ᠬᠥᠭᠵᠢᠯᠲᠡ ᠵᠢᠨ ᠦᠷ᠎ᠡ ᠪᠦᠲᠦᠭᠡᠯ᠎ᠢ ᠦᠨᠳᠦᠰᠦᠲᠡᠨ᠎ᠨᠦᠭᠦᠳ᠎ᠤᠨ ᠠᠷᠠᠳ ᠲᠦᠮᠡᠨ ᠬᠠᠮᠲᠤᠪᠠᠷ ᠡᠳ᠋ᠯᠡᠬᠦ ᠵᠢ ᠦᠨᠡᠨ ᠬᠦ᠌ ᠪᠠᠲᠤᠯᠠᠬᠤ ᠪᠣᠯᠣᠨ᠎ᠠ᠃
      ᠨᠢᠭᠡ᠎ᠳᠤ ᠤᠯᠤᠰ᠎ᠤᠨ ᠤᠳᠤ ᠬᠡᠷᠡᠭᠵᠢᠭᠦᠯᠵᠦ ᠪᠠᠶ᠋ᠢᠭ᠎ᠠ ᠪᠠᠷᠢᠮᠵᠢᠶ᠎ᠠ᠎ᠠᠴᠠ ᠳᠣᠣᠭᠤᠷ ᠪᠠᠢ᠌ᠭ᠎ᠠ ᠲᠠᠷᠢᠶᠠᠯᠠᠬᠤ ᠮᠠᠯᠵᠢᠬᠤ ᠣᠷᠣᠨ᠎ᠤ ᠶᠠᠳᠠᠭᠤ ᠬᠦᠴᠢᠷᠳᠡᠯᠲᠡᠶ 80.3 ᠲᠦᠮᠡᠨ ᠬᠥᠮᠦᠨ ᠠᠮᠠ ᠵᠢ ᠶᠠᠳᠠᠭᠤ᠎ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠶ ᠬᠣᠰᠢᠭᠤ ᠰᠢᠶᠠᠨ ᠪᠥᠬᠥᠡ᠎ᠤ ᠶᠠᠳᠠᠭᠤ ᠬᠦᠴᠢᠷᠳᠡᠯᠲᠡᠢ ᠭᠡᠰᠡᠨ ᠮᠠᠯᠠᠭ᠋ᠠᠢ ᠵᠢ᠎ᠨᠢ ᠠᠪᠴᠤ ᠬᠠᠶᠠᠵᠤ᠂ ᠣᠷᠣᠨ ᠪᠦᠰᠡ ᠵᠢᠨ ᠴᠢᠨᠠᠷᠲᠠᠶ ᠶᠠᠳᠠᠭᠤ ᠬᠦᠴᠢᠷᠳᠡᠯᠲᠡᠶ ᠵᠢ ᠪᠦᠬᠦᠯᠢ ᠴᠣᠭᠴᠠ᠎ᠪᠠᠷ ᠰᠢᠢ᠍ᠳᠪᠦᠷᠢᠯᠡᠨ᠎ᠡ; ᠬᠣᠶᠠᠷ᠎ᠲᠤ᠂ ᠪᠥᠬᠥ ᠣᠷᠣᠨ᠎ᠤ ᠰᠤᠷᠬᠤ ᠨᠠᠰᠤᠨ᠎ᠠᠴᠠ ᠡᠮᠦᠨᠡᠬᠢ ᠭᠤᠷᠪᠠᠨ ᠵᠢᠯ᠎ᠤᠨ ᠰᠤᠷᠭ᠋ᠠᠭᠤᠯᠢ᠎ᠳᠤ ᠣᠷᠣᠬᠤ ᠪᠦᠬᠦ ᠨᠤᠷᠮ᠎ᠠ ᠵᠢ 90% ᠣᠷᠴᠢᠮ᠎ᠳᠤ ᠬᠦᠷᠦᠭᠦᠯᠵᠦ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠰᠢᠶᠠᠨ᠎ᠤ ᠬᠡᠪᠴᠢᠶᠡᠨ᠎ᠳᠤ ᠲᠡᠩᠴᠡᠭᠦᠷᠢᠲᠡᠶ ᠬᠥᠭᠵᠢᠬᠦ ᠵᠢ ᠦᠨᠳᠦᠰᠦᠨ᠎ᠳᠡᠭᠡᠨ ᠪᠡᠶᠡᠯᠡᠭᠦᠯᠵᠦ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ ᠣᠷᠣᠬᠤ ᠪᠦᠬᠦ ᠨᠤᠷᠮ᠎ᠠ ᠵᠢ 95%᠎ᠠᠴᠠ ᠳᠡᠭᠡᠭᠰᠢ ᠲᠣᠭᠲᠠᠪᠤᠷᠢᠵᠢᠭᠤᠯᠵᠤ᠂ ᠤᠳᠤ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠢᠰᠲ᠋ᠧᠮᠵᠢ ᠵᠢ ᠦᠨᠳᠦᠰᠦᠨ᠎ᠳᠡᠭᠡᠨ ᠪᠠᠶ᠋ᠢᠭᠤᠯᠵᠤ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ ᠣᠷᠣᠬᠤ ᠪᠦᠬᠦ ᠨᠤᠷᠮ᠎ᠠ ᠵᠢ 40%᠎ᠳᠤ ᠬᠦᠷᠦᠭᠦᠯᠵᠦ᠂ ᠬᠥᠳᠡᠯᠮᠦᠷᠢᠯᠡᠬᠦ ᠨᠠᠰᠤᠨ᠎ᠤ ᠬᠥᠮᠦᠨ ᠠᠮᠠ ᠵᠢᠨ ᠰᠤᠷᠭ᠋ᠠᠨ ᠬᠥᠮᠦᠵᠢᠯ ᠬᠦᠷᠲᠡᠬᠦ ᠴᠠᠭ ᠬᠤᠭᠤᠴᠠᠭ᠎ᠠ ᠵᠢ 10.8 ᠵᠢᠯ ᠬᠦᠷᠦᠭᠦᠯᠦᠨ᠎ᠡ; ᠭᠤᠷᠪᠠ᠎ᠳᠤ ᠬᠤᠲᠠ ᠪᠠᠯᠭ᠋ᠠᠰᠤᠨ᠎ᠤ ᠰᠢᠨ᠎ᠡ᠎ᠪᠠᠷ ᠠᠵᠢᠯ ᠣᠯᠤᠭᠰᠠᠨ ᠬᠥᠮᠦᠨ᠎ᠤ ᠲᠣᠭ᠎ᠠ ᠵᠢ ᠵᠢᠯ ᠪᠦᠷᠢ ᠳᠤᠮᠳᠠᠴᠢ᠎ᠪᠠᠷ 25 ᠲᠦᠮᠡᠨ ᠬᠥᠮᠦᠨ᠎ᠳᠤ ᠬᠦᠷᠦᠭᠦᠯᠦᠨ᠎ᠡ; ᠲᠥᠷᠪᠡ᠎ᠳᠤ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠥᠮᠦᠨ ᠪᠦᠷᠢ ᠵᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠵᠢ ᠵᠢᠯ ᠪᠦᠷᠢ ᠳᠤᠮᠳᠠᠴᠢ᠎ᠪᠠᠷ ᠲᠤᠰ ᠳᠤᠰ 8% ᠣᠷᠴᠢᠮ ᠪᠠ 9 % ᠣᠷᠴᠢᠮ ᠨᠡᠮᠡᠭᠳᠡᠭᠦᠯᠦᠨ᠎ᠡ; ᠲᠠᠪᠤ᠎ᠳᠤ ᠡᠯ᠎ᠡ ᠲᠦᠷᠦᠯ᠎ᠤᠨ ᠳᠥᠭᠥᠮ ᠪᠦᠳᠦᠭᠦᠯᠢᠭ ᠣᠷᠣᠨ ᠰᠠᠭᠤᠴᠠᠳᠤ ᠲᠣᠭᠣᠷᠢᠭ (ᠨᠤᠷᠠᠬᠤ ᠠᠶᠤᠯᠲᠠᠶ ᠬᠠᠭᠤᠴᠢᠨ ᠭᠡᠷ ᠪᠠᠶ᠋ᠢᠰᠢᠩ ᠪᠠ ᠬᠤᠳᠠ ᠵᠢᠨ ᠳᠣᠲᠣᠷᠠᠬᠢ ᠲᠣᠰᠬᠣᠨ)᠎ᠤᠨ 100 ᠲᠦᠮᠡᠨ ᠢᠵᠢ ᠵᠢ ᠥᠭᠡᠷᠡᠴᠢᠯᠡᠵᠦ᠂ 280 ᠭᠠᠷᠤᠶ ᠬᠥᠮᠦᠨ ᠠᠮᠠ ᠵᠢᠨ ᠣᠷᠣᠨ ᠰᠠᠭᠤᠴᠠ ᠵᠢᠨ ᠨᠥᠬᠥᠴᠡᠯ᠎ᠢ ᠰᠠᠶ᠋ᠢᠵᠢᠷᠠᠭᠤᠯᠵᠤ᠂ ᠨᠠᠰᠤᠵᠢᠯ᠎ᠤᠨ ᠠᠰᠠᠷᠠᠮᠵᠢ ᠵᠢᠨ ᠦᠨᠳᠦᠰᠦᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ ᠵᠢ 1350 ᠲᠥᠮᠡᠨ ᠬᠥᠮᠦᠨ᠎ᠳᠤ ᠬᠦᠷᠦᠭᠦᠯᠦᠨ᠎ᠡ; ᠵᠢᠷᠭᠤᠭ᠎ᠠ᠎ᠳᠤ ᠬᠥᠮᠦᠨ᠎ᠤ ᠳᠤᠮᠳᠠᠴᠢ ᠵᠢᠱ᠌ᠢᠭᠰᠡᠨ ᠨᠠᠰᠤᠨ ᠬᠤᠲᠤᠭ᠎ᠢ 76 ᠨᠠᠰᠤ ᠣᠷᠴᠢᠮ᠎ᠳᠤ ᠬᠦᠷᠦᠭᠦᠯᠵᠦ᠂ ᠮᠢᠩᠭ᠋ᠠᠨ ᠬᠥᠮᠦᠨ ᠪᠦᠷᠢ᠎ᠳᠤ ᠨᠣᠭᠳᠠᠬᠤ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠣᠷᠣ ᠵᠢᠨ ᠲᠣᠭ᠎ᠠ ᠵᠢ 6᠎ᠳᠤ ᠬᠦᠷᠦᠭᠦᠯᠵᠦ᠂ ᠮᠢᠩᠭ᠋ᠠᠨ ᠬᠥᠮᠦᠨ ᠪᠦᠷᠢ᠎ᠳᠤ ᠨᠣᠭᠳᠠᠬᠤ ᠠᠵᠢᠯ ᠡᠷᠬᠢᠯᠡᠬᠦ ᠡᠮᠴᠢ ᠵᠢᠨ ᠲᠣᠭ᠎ᠠ ᠵᠢ 2.5 ᠬᠥᠮᠦᠨ᠎ᠳᠤ ᠬᠦᠷᠦᠭᠦᠯᠵᠦ᠂ ᠬᠥᠮᠦᠨ ᠪᠦᠷᠢ᠎ᠳᠤ ᠳᠤᠮᠳᠠᠴᠢ᠎ᠪᠠᠷ ᠨᠣᠭᠳᠠᠬᠤ ᠪᠡᠶ᠎ᠡ ᠵᠢᠨ ᠲᠠᠮᠢᠷ᠎ᠤᠨ ᠲᠠᠯᠠᠪᠠᠢ ᠵᠢ 2.5 ᠲᠡᠭᠰᠢ ᠳᠥᠷᠪᠡᠯᠵᠢᠨ ᠮᠧᠲᠷ᠎ᠲᠤ ᠬᠦᠷᠦᠭᠦᠯᠵᠦ᠂ ᠤᠯᠤᠰ ᠠᠷᠠᠳ᠎ᠤᠨ ᠪᠡᠶ᠎ᠡ ᠮᠠᠬᠠᠪᠣᠳ᠎ᠢ ᠰᠢᠯᠭ᠋ᠠᠨ ᠲᠣᠭᠲᠠᠭ᠋ᠠᠬᠤ ᠪᠠᠷᠢᠮᠵᠢᠶ᠎ᠠ ᠵᠢᠨ ᠬᠢᠷᠢ ᠲᠡᠩᠴᠡᠬᠦ᠎ᠠᠴᠠ ᠳᠡᠭᠡᠭᠰᠢ ᠬᠡᠮᠵᠢᠶ᠎ᠡ᠎ᠳᠤ ᠬᠦᠷᠦᠭᠰᠡᠨ ᠬᠥᠮᠦᠨ᠎ᠤ ᠲᠣᠭ᠎ᠠ ᠵᠢ 90%᠎ᠳᠤ ᠬᠦᠷᠦᠭᠦᠯᠦᠨ᠎ᠡ; ᠲᠤᠯᠤᠭ᠎ᠠ᠎ᠳᠤ ᠬᠥᠮᠦᠨ ᠠᠮᠠ ᠵᠢᠨ ᠮᠡᠨᠳᠦᠯᠡᠬᠦ ᠴᠢᠨᠠᠷ᠎ᠤᠨ ᠢᠯᠭ᠋ᠠᠯ᠎ᠤᠨ ᠬᠠᠷᠢᠴᠠᠯ᠎ᠢ 107:100᠎ᠳᠤ ᠬᠢᠵᠠᠭ᠋ᠠᠷᠯᠠᠨ᠎ᠠ᠃
      ᠬᠥᠲᠥᠯᠥᠭᠴᠢ᠄
     《ᠬᠥᠲᠥᠯᠪᠦᠷᠢ》᠎ᠳᠤ 《ᠡᠶ᠎ᠡ ᠵᠣᠬᠢᠴᠠᠯ᠎ᠲᠠᠢ ᠥᠪᠥᠷ ᠮᠣᠩᠭᠣᠯ᠎ᠢ ᠪᠥᠳᠥᠭᠡᠨ ᠪᠠᠶ᠋ᠢᠭᠤᠯᠬᠤ ᠵᠢ ᠠᠬᠢᠭᠤᠯᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠣᠭᠲᠠᠭᠤᠨ ᠬᠠᠯᠬᠠᠪᠴᠢ ᠵᠢ ᠪᠠᠲᠤ ᠪᠡᠬᠢ ᠪᠠᠶ᠋ᠢᠭᠤᠯᠬᠤ》 ᠠᠭᠤᠯᠭ᠎ᠠ ᠵᠢ ᠬᠣᠶᠠᠷ ᠪᠦᠯᠦᠭ ᠬᠡᠰᠡᠭ ᠠᠩᠭᠢᠯᠠᠨ᠊ᠷ ᠲᠥᠯᠥᠪᠵᠢᠭᠦᠯᠭᠡi ᠬᠢᠭᠰᠡᠨ ᠪᠠᠢ᠌ᠭ᠎ᠠ᠂ ᠪᠣᠣ ᠡᠷᠬᠢᠯᠡᠭᠴᠢ᠂ ᠲᠠ ᠡᠨᠡ ᠲᠤᠬᠠᠢ ᠴᠢᠬᠤᠯᠠ ᠠᠴᠢ ᠬᠣᠯᠪᠣᠭᠳᠠᠯ᠎ᠢ ᠮᠠᠨ᠎ᠳᠤ ᠳᠥᠭᠥᠮᠬᠡᠨ ᠲᠠᠨᠢᠯᠴᠠᠭᠤᠯᠵᠤ ᠥᠭᠭᠦᠨ᠎ᠡ ᠦᠦ?
      ᠪᠣᠣ ᠮᠠᠨᠳᠠ᠄
      ᠡᠨᠡ ᠬᠣᠶᠠᠷ ᠬᠡᠰᠡᠭ᠎ᠢ ᠨᠡᠮᠡᠭᠰᠡᠨ᠎ᠨᠢ᠂ ᠭᠣᠣᠯᠳᠠᠭᠤ ᠮᠠᠨ᠎ᠤ ᠣᠷᠣᠨ᠎ᠤ ᠣᠨᠴᠠᠯᠢᠭ ᠪᠠ ᠪᠦᠬᠦ ᠤᠯᠤᠰ᠎ᠤᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠪᠣᠳᠣᠯᠬᠢᠯᠠᠭᠰᠠᠨ ᠶᠤᠮ᠃ ᠮᠠᠨ᠎ᠤ ᠣᠷᠣᠨ ᠪᠣᠯ ᠬᠥᠭᠵᠢᠭᠡᠳᠦᠶ ᠭᠠᠵᠠᠷ ᠣᠷᠣᠨ ᠪᠣᠯᠣᠨ᠎ᠠ᠂ ᠶᠡᠷᠦᠩᠬᠡᠶ᠋ᠢᠯᠡᠭᠰᠡᠨ ᠠᠵᠤ ᠠᠬᠤᠶ ᠵᠢᠨ ᠪᠣᠳᠠᠲᠤ ᠬᠦᠴᠦᠨ᠎ᠨᠢ ᠪᠠᠰᠠ ᠲᠡᠶ᠋ᠢᠮᠦ ᠴᠢᠩᠭ᠎ᠠ ᠪᠢᠰᠢ᠂ ᠬᠤᠳᠠ ᠬᠥᠳᠡᠭᠡ᠂ ᠣᠷᠣᠨ ᠪᠦᠰᠡ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠣᠬᠢᠴᠠᠩᠭᠤᠶ ᠪᠤᠰᠤ᠂ ᠰᠠᠭᠤᠷᠢ ᠪᠡᠯᠡᠳᠬᠡᠮᠵᠢ ᠪᠠ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢᠨ ᠲᠠᠯ᠎ᠠ᠎ᠪᠠᠷ ᠨᠡᠯᠢᠶᠡᠳ ᠬᠣᠴᠣᠷᠤᠩᠭᠤᠶ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ᠎ᠨᠢ ᠪᠦᠬᠦ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ ᠳᠣᠣᠷ᠎ᠠ᠂ ᠪᠦᠬᠦ ᠤᠯᠤᠰ᠎ᠲᠠᠢ ᠴᠤᠭᠭ᠋ᠠᠷ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠢ᠌ᠭᠤᠯᠬᠤ ᠡᠭᠦᠷᠭᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠢ᠌ᠭᠰᠠᠭ᠋ᠠᠷ᠂ ᠬᠥᠭᠵᠢᠯᠲᠡ ᠪᠣᠯ ᠮᠥᠨ ᠯᠡ ᠮᠠᠨ᠎ᠤ ᠣᠷᠣᠨ᠎ᠤ ᠲᠡᠷᠢᠭᠦᠨ ᠴᠢᠬᠤᠯᠠ ᠡᠭᠦᠷᠭᠡ ᠮᠥᠨ᠂ 《ᠬᠥᠲᠥᠯᠪᠦᠷᠢ》᠎ᠳᠤ 《ᠠᠵᠤ ᠠᠬᠤᠶ ᠵᠢ ᠦᠷᠭᠦᠯᠵᠢᠯᠡᠨ ᠡᠷᠡᠭᠦᠯ ᠵᠶ᠋ᠠᠷ ᠬᠥᠭᠵᠢᠭᠦᠯᠬᠦ ᠵᠢ ᠠᠬᠢᠭᠤᠯᠵᠤ᠂ ᠭᠠᠵᠠᠷ ᠣᠷᠣᠨ᠎ᠤ ᠠᠵᠤ ᠠᠬᠤᠶ ᠵᠢᠨ ᠶᠡᠷᠦᠩᠬᠡᠶ᠋ᠢᠯᠡᠭᠰᠡᠨ ᠪᠣᠳᠠᠲᠤ ᠬᠦᠴᠦᠨ᠎ᠢ ᠪᠤᠵᠠᠭ᠋ᠠᠶ᠋ᠢᠷᠠᠭᠤᠯᠬᠤ》᠎ᠨᠢ ᠳᠠᠷᠤᠶ ᠮᠠᠨ᠎ᠤ ᠣᠷᠣᠨ᠎ᠤ ᠠᠵᠤ ᠠᠬᠤᠶ ᠵᠢᠨ ᠬᠥᠭᠵᠢᠯᠲᠡ ᠵᠢᠨ ᠳᠤᠮᠳᠠ ᠲᠡᠰ ᠳᠡᠪᠰᠢᠭᠦᠯᠵᠦ᠂ ᠲᠠᠰ ᠳᠡᠪᠰᠢᠭᠦᠯᠬᠦ ᠵᠢᠨ ᠳᠤᠮᠳᠠ ᠬᠥᠭᠵᠢᠭᠦᠯᠬᠦ ᠵᠢ ᠲᠦᠯᠬᠢᠨ ᠠᠬᠢᠭᠤᠯᠵᠤ᠂ ᠠᠵᠤ ᠠᠬᠤᠶ ᠵᠢᠨ ᠬᠥᠭᠵᠢᠯᠲᠡ ᠵᠢᠨ ᠰᠢᠨ᠎ᠡ ᠬᠡᠪ ᠪᠠᠶ᠋ᠢᠳᠠᠯ᠎ᠢ ᠬᠥᠲᠥᠯᠬᠦ᠂ ᠠᠵᠤ ᠠᠬᠤᠶ ᠵᠢᠨ ᠪᠠᠭᠤᠷᠠᠯᠲᠠ ᠵᠢᠨ ᠳᠠᠷᠤᠯᠲᠠ ᠵᠢ ᠠᠷᠭ᠋ᠠᠴᠠᠬᠤ᠂ ᠠᠵᠤ ᠠᠬᠤᠶ ᠵᠢᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠪᠠᠲᠤᠯᠠᠬᠤ᠎ᠳᠤ ᠵᠣᠬᠢᠴᠠᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠬᠤ᠎ᠳᠤ ᠪᠠᠲᠤ ᠪᠡᠬᠢ ᠪᠠᠲᠤᠯᠠᠭ᠎ᠠ ᠬᠠᠩᠭ᠋ᠠᠨ᠎ᠠ᠃
    ᠡᠭᠦᠨ᠎ᠤ ᠬᠠᠮᠲᠤ᠂ ᠨᠡᠶ᠋ᠢᠭᠡᠮ᠎ᠤᠨ ᠡᠶ᠎ᠡ ᠵᠣᠬᠢᠴᠠᠯ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠮᠥᠨ ᠴᠢᠨᠠᠷ᠎ᠤᠨ ᠰᠢᠨᠵᠢ ᠮᠥᠨ᠂ ᠮᠠᠨ᠎ᠤ ᠣᠷᠣᠨ ᠪᠣᠯ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠂ ᠦᠨᠳᠦᠰᠦᠲᠡᠨ᠎ᠤ ᠪᠦᠯᠬᠦᠮᠳᠡᠯ᠎ᠤᠨ ᠶᠡᠬᠡ ᠲᠠᠯ᠎ᠠ ᠵᠢ ᠪᠡᠬᠢᠵᠢᠭᠦᠯᠦᠨ ᠬᠥᠭᠵᠢᠭᠦᠯᠬᠦ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠪᠠ ᠲᠣᠭᠲᠠᠭᠤᠨ ᠪᠠᠶ᠋ᠢᠳᠠᠯ᠎ᠢ ᠦᠨᠡᠨ ᠬᠦ᠌ ᠪᠠᠲᠤᠯᠠᠬᠤ ᠪᠣᠯ ᠪᠢᠳᠡᠨ᠎ᠤ ᠡᠷᠬᠡᠪᠰᠢ ᠭᠦᠢ᠍ᠴᠡᠳᠬᠡᠬᠦ ᠬᠡᠷᠡᠭᠲᠡᠶ ᠴᠢᠬᠤᠯᠠ ᠶᠡᠬᠡ ᠤᠯᠤᠰ ᠲᠦᠷᠦ ᠵᠢᠨ ᠬᠠᠷᠢᠭᠤᠴᠠᠯᠭ᠎ᠠ ᠪᠥᠭᠡᠳ ᠪᠠᠰᠠ ᠴᠤ᠌ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠦᠨᠳᠦᠰᠦᠨ ᠠᠰᠢᠭ ᠲᠤᠰᠠ ᠮᠥᠨ᠃ ᠶᠡᠷᠦᠩᠬᠡᠶ ᠱᠦᠵᠢ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ᠎ᠳᠤ᠂ ᠪᠥᠬᠥ ᠣᠷᠣᠨ᠎ᠤ ᠦᠨᠳᠦᠰᠦᠲᠡᠨ᠎ᠨᠦᠭᠦᠳ᠎ᠤᠨ ᠤᠯᠠᠨ ᠲᠦᠮᠡᠨ ᠬᠠᠷᠢᠯᠴᠠᠨ ᠬᠠᠷᠠᠭ᠋ᠠᠯᠵᠠᠨ ᠬᠠᠪᠰᠤᠷᠤᠯᠴᠠᠵᠤ᠂ ᠭᠡᠷ ᠣᠷᠣᠨ ᠵᠶ᠋ᠠᠨ ᠰᠠᠢ᠌ᠳᠤᠷ ᠰᠠᠬᠢᠵᠤ᠂ ᠬᠢᠯᠢ ᠬᠢᠵᠠᠭ᠋ᠠᠷ ᠵᠶ᠋ᠡᠨ ᠰᠠᠢ᠌ᠳᠤᠷ ᠰᠠᠬᠢᠵᠤ᠂ ᠥᠪᠥᠷ ᠮᠣᠩᠭᠣᠯ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠠᠢ᠍ᠢ᠍ᠨ ᠰᠠᠶ᠋ᠢᠬᠠᠨ ᠤᠶᠤᠨ ᠰᠠᠨᠠᠭ᠋ᠠᠨ᠎ᠤ ᠭᠡᠷ ᠣᠷᠣᠨ ᠵᠶ᠋ᠡᠨ ᠰᠠᠢ᠌ᠳᠤᠷ ᠰᠠᠬᠢᠵᠤ᠂ ᠥᠪᠥᠷ ᠮᠣᠩᠭᠣᠯ᠎ᠢ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠣᠭᠲᠠᠭᠤᠨ ᠬᠠᠯᠬᠠᠪᠴᠢ ᠪᠣᠯᠭ᠋ᠠᠨ ᠪᠦᠲᠦᠭᠡᠨ ᠪᠠᠢ᠌ᠭᠤᠯᠬᠤ ᠵᠢ ᠬᠦᠰᠡᠪᠡ᠃ 《ᠬᠥᠲᠥᠯᠪᠦᠷᠢ》᠎ᠳᠤ ᠲᠤᠰᠬᠠᠶ᠋ᠢᠯᠠᠨ 《ᠡᠶ᠎ᠡ ᠵᠣᠬᠢᠴᠠᠯ᠎ᠲᠠᠢ ᠥᠪᠥᠷ ᠮᠣᠩᠭᠣᠯ᠎ᠢ ᠪᠥᠳᠥᠭᠡᠨ ᠪᠠᠶ᠋ᠢᠭᠤᠯᠬᠤ ᠵᠢ ᠠᠬᠢᠭᠤᠯᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠣᠭᠲᠠᠭᠤᠨ ᠬᠠᠯᠬᠠᠪᠴᠢ ᠵᠢ ᠪᠠᠲᠤ ᠪᠡᠬᠢ ᠪᠠᠶ᠋ᠢᠭᠤᠯᠬᠤ》 ᠲᠥᠯᠥᠪᠵᠢᠭᠦᠯᠭᠡ ᠬᠢᠵᠦ᠂ ᠵᠣᠷᠢᠯᠭ᠎ᠠ᠎ᠨᠢ 《ᠲᠠᠪᠤᠨ ᠶᠡᠬᠡ ᠬᠥᠭᠵᠢᠯᠲᠡ ᠵᠢᠨ ᠣᠨᠣᠯᠵᠢᠬᠤᠨ》᠎ᠢ ᠪᠠᠷᠢᠮᠲᠠᠯᠠᠨ ᠲᠤᠤᠱᠯᠠᠭᠤᠯᠬᠤ ᠵᠢᠨ ᠬᠠᠮᠲᠤ᠂ ᠬᠠᠷᠢᠯᠴᠠᠨ ᠬᠠᠷᠠᠭ᠋ᠠᠯᠵᠠᠨ ᠬᠠᠪᠰᠤᠷᠤᠯᠴᠠᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠴᠢᠩᠭ᠎ᠠ ᠨᠢᠭᠲᠠᠷᠠᠨ ᠪᠦᠯᠬᠦᠮᠳᠡᠬᠦᠯᠵᠦ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠪᠠ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠵᠢ ᠦᠨᠡᠨᠬᠦ ᠰᠠᠶ᠋ᠢᠲᠤᠷ ᠭᠦᠢ᠍ᠴᠡᠳᠬᠡᠬᠦ ᠪᠤᠯᠣᠨ᠎ᠠ᠃
      ᠬᠥᠲᠥᠯᠥᠭᠴᠢ᠄
      ᠵᠠ᠂ ᠪᠣᠣ ᠡᠷᠬᠢᠯᠡᠭᠴᠢ ᠵᠢᠨ ᠲᠠᠢ᠌ᠯᠪᠤᠷᠢᠯᠠᠭᠰᠠᠨ᠎ᠳᠤ ᠲᠠᠯᠠᠷᠬᠠᠯ᠎ᠠ᠂ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠥᠨᠳᠥᠷᠯᠡᠯ᠎ᠡ᠂ ᠳᠠᠷᠠᠭ᠋ᠠᠴᠢ ᠵᠢᠨ ᠬᠤᠭᠤᠴᠠᠭ᠋ᠠᠨ᠎ᠳᠤ ᠪᠠᠶᠠᠷᠲᠠᠢ ᠵᠣᠯᠭ᠋ᠠᠶ᠎ᠠ!

      ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠡᠯᠸᠺᠲᠷᠤᠨ ᠵᠠᠰᠠᠭ᠎ᠤᠨ ᠶᠠᠪᠤᠳᠠᠯ᠎ᠤᠨ   ᠭᠠᠵᠠᠷ᠎ᠤᠨ ᠳᠠᠷᠤᠭ᠎ᠠ ᠡᠾᠸ ᠪᠢᠶᠤᠤ ᠰᠤᠷᠪᠤᠯᠵᠢᠯᠠᠭᠳᠠᠭᠴᠢ᠎ᠳᠤ ᠪᠠᠷ᠎ᠠ ᠪᠤᠯᠵᠤ ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠫᠤᠷᠲᠸᠯ ᠰᠦᠯᠵᠢᠶ᠎ᠡ ᠵᠢ ᠲᠤᠭᠤᠷᠢᠨ ᠦᠵᠡᠭᠰᠡᠨ᠎ᠨᠢ

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠠᠵᠢᠯ᠎ᠤᠨ ᠬᠠᠮᠢᠶ᠎ᠠ ᠪᠦᠬᠦᠢ ᠠᠰᠠᠭᠤᠳᠠᠯ᠎ᠤᠨ ᠲᠤᠬᠠᠶ ᠲᠠᠢ᠌ᠯᠤᠮᠵᠢ
ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠬᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠥᠭᠡᠷᠡᠴᠢᠯᠡᠯᠲᠡ ᠵᠢᠨ ᠠᠰᠢᠭ᠎ᠤᠨ ᠪᠣᠳᠠᠲᠠᠶ ᠨᠠᠢ᠌ᠳᠠᠪᠤᠷᠢᠵᠢᠭᠤᠯᠤᠯᠲᠠ ᠵᠢ ᠦᠨᠡᠨ ᠬᠦ᠌ ᠪᠠᠲᠤᠯᠠᠬᠤ ᠬᠡᠷᠡᠭᠲᠡᠶ
ᠠᠵᠢᠯ ᠣᠯᠭᠣᠬᠣ ᠪᠠ ᠠᠳᠠᠯ ᠦᠢ᠍ᠯᠡᠰ ᠴᠣᠭᠴᠠᠯᠠᠬᠤ ᠵᠢ ᠠᠬᠢᠭᠤᠯᠤᠨ ᠠᠷᠠᠳ᠎ᠤᠨ ᠠᠮᠢᠳᠤᠷᠠᠯ᠎ᠢ ᠪᠠᠲᠤᠯᠠᠬᠤ᠎ᠳᠤ ᠦᠢ᠍ᠯᠡᠴᠢᠯᠡᠶ᠎ᠡ
ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢᠨ ᠲᠤᠭᠤᠷᠢᠨ᠎ᠳᠤ᠂ ᠪᠦᠲᠦᠮᠵᠢᠲᠡᠶ ᠪᠡᠯᠡ ᠣᠷᠣᠭᠤᠯᠤᠯᠲᠠ ᠪᠠ ᠲᠥᠷᠥᠯ ᠵᠦᠢ᠍ᠯ᠎ᠤᠨ ᠪᠥᠳᠥᠭᠡᠨ ᠪᠠᠶ᠋ᠢᠭᠤᠯᠤᠯᠲᠠ ᠵᠢ ᠬᠦᠴᠦᠲᠡᠶ ᠠᠳᠬᠤᠰᠤᠭ᠋ᠠᠢ
ᠬᠣᠲᠠ ᠵᠢᠨ ᠲᠥᠯᠥᠪᠵᠢᠭᠦᠯᠭᠡ ᠵᠢᠨ ᠵᠢᠷᠤᠭ ᠲᠥᠯᠥᠪᠯᠡᠭᠡ ᠵᠢ ᠰᠠᠢ᠌ᠲᠤᠷ ᠵᠢᠷᠤᠰᠤᠭ᠋ᠠᠢ
 
            