ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠪᠣᠬᠢᠷᠲᠤᠯ ᠦᠭᠡᠢ ᠬᠥᠭᠵᠢᠭᠦᠯᠬᠦ ᠣᠨᠣᠯᠵᠢᠬᠤᠨ᠎ᠢ ᠲᠤᠤᠱᠯᠠᠭᠤᠯᠵᠤ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠠᠵᠢᠯ᠎ᠢ ᠲᠦᠯᠬᠢᠨ ᠠᠬᠢᠭᠤᠯᠤᠶ᠎ᠠ
ᠨᠡᠶ᠋ᠢᠲᠡᠯᠡᠭᠰᠡᠨ ᠴᠠᠭ᠄ 2016-05-30

      ᠰᠤᠷᠪᠤᠯᠵᠢᠯᠠᠭᠰᠠᠨ ᠴᠠᠭ

     2016 ᠣᠨ᠎ᠤ 5 ᠳ᠋ᠤᠭ᠋ᠠᠷ ᠰᠠᠷ᠎ᠠ ᠵᠢᠨ 9᠎ᠤ ᠡᠳᠦᠷ᠎ᠤᠨ ᠦᠳᠡ ᠵᠢᠨ ᠡᠮᠦᠨ᠎ᠡ
      ᠰᠤᠷᠪᠤᠯᠵᠢᠯᠠᠭᠰᠠᠨ ᠵᠣᠴᠢᠨ

      ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠵᠢᠶᠸ
      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
      ᠮᠠᠨ᠎ᠤ ᠣᠷᠣᠨ ᠪᠣᠯ ᠠᠭᠤᠷᠬᠠᠶ ᠵᠢᠨ ᠦᠢ᠍ᠯᠡᠰ᠎ᠤᠨ ᠶᠡᠬᠡ ᠮᠤᠵᠢ ᠣᠷᠣᠨ ᠮᠥᠨ᠂ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠤᠭᠤᠷᠢᠨ ᠪᠣᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠢ ᠬᠠᠮᠠᠭ᠋ᠠᠯᠠᠬᠤ ᠪᠠ ᠵᠠᠰᠠᠬᠤ ᠠᠵᠢᠯ᠎ᠤᠨ ᠴᠢᠬᠤᠯᠠ ᠠᠭᠤᠯᠭ᠎ᠠ ᠪᠣᠯᠣᠨ᠎ᠠ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠠᠴᠠ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ ᠪᠠᠢ᠌ᠭ᠎ᠠ ᠶᠡᠬᠡ ᠠᠬᠤᠶ ᠪᠠᠶ᠋ᠢᠳᠠᠯ᠎ᠤᠨ ᠳᠣᠣᠷ᠎ᠠ᠂ ᠠᠭᠤᠷᠬᠠᠶ ᠵᠢᠨ ᠦᠢ᠍ᠯᠡᠰ᠎ᠢ ᠨᠡᠭᠡᠭᠡᠨ ᠠᠰᠢᠭᠯᠠᠬᠤ ᠪᠠ ᠠᠮᠢ ᠠᠬᠤᠶ ᠵᠢ ᠬᠠᠮᠠᠭ᠋ᠠᠯᠠᠬᠤ ᠵᠢᠨ ᠬᠠᠷᠢᠴᠠᠭ᠎ᠠ ᠵᠢ ᠬᠡᠷᠬᠢᠨ ᠰᠠᠶ᠋ᠢᠲᠤᠷ ᠰᠢᠢ᠍ᠳᠪᠦᠷᠢᠯᠡᠨ ᠵᠣᠬᠢᠴᠠᠭᠤᠯᠬᠤ᠂ ᠡᠬᠢ ᠪᠠᠶᠠᠯᠢᠭ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠵᠢᠨ ᠳᠠᠭ᠋ᠠᠤ ᠨᠡᠭᠡᠭᠡᠡ ᠠᠰᠢᠭᠯᠠᠬᠤ᠂ ᠨᠡᠭᠡᠭᠡᠨ ᠠᠰᠢᠭᠯᠠᠬᠤ ᠵᠢᠨ ᠳᠠᠭ᠋ᠠᠤ ᠬᠠᠮᠠᠭ᠋ᠠᠯᠬᠤ ᠲᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠬᠤ᠎ᠨᠢ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠨᠡᠩ ᠴᠢᠩᠭ᠎ᠠ ᠱᠠᠭ᠋ᠠᠷᠳᠠᠯᠭ᠎ᠠ ᠳᠤᠷᠠᠳᠪᠠ᠃ ᠣᠢ᠌ᠷ᠎ᠠ᠎ᠳᠤ᠂ ᠪᠢᠳᠡ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠵᠢᠶᠸ᠎ᠢ ᠤᠷᠢᠵᠤ 《ᠪᠣᠬᠢᠷᠲᠤᠯ ᠦᠭᠡᠢ ᠬᠥᠭᠵᠢᠭᠦᠯᠬᠦ ᠣᠨᠣᠯᠵᠢᠬᠤᠨ᠎ᠢ ᠲᠤᠤᠱᠯᠠᠭᠤᠯᠵᠤ   ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠠᠵᠢᠯ᠎ᠢ ᠲᠦᠯᠬᠢᠨ ᠠᠬᠢᠭᠤᠯᠤᠶ᠎ᠠ》 ᠭᠡᠰᠡᠨ ᠭᠣᠣᠯ ᠰᠡᠳᠦᠪ ᠵᠶ᠋ᠡᠷ ᠰᠦᠯᠵᠢᠶᠡᠨ ᠳᠡᠭᠡᠷ᠎ᠡ ᠲᠠᠶ᠋ᠢᠯᠤᠮᠵᠢ ᠬᠢᠯᠭᠡᠬᠦ᠎ᠪᠠᠷ ᠪᠤᠢ᠃ ᠥᠷᠭᠡᠨ ᠣᠯᠠᠨ ᠰᠦᠯᠵᠢᠶᠡᠨ᠎ᠤ ᠠᠨᠳᠠ ᠨᠠᠷ᠎ᠤᠨ ᠢᠳᠡᠪᠬᠢᠲᠡᠶ ᠣᠷᠣᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ᠃


      ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ


      ᠬᠥᠲᠥᠯᠥᠭᠴᠢ᠄
      ᠰᠦᠯᠵᠢᠶᠡᠨ ᠠᠨᠳᠠ ᠨᠠᠷ ᠰᠠᠢ᠍ᠢ᠍ᠨ ᠪᠠᠶ᠋ᠢᠨ᠎ᠠ ᠦᠦ! ᠲᠣᠰ ᠬᠤᠭᠤᠴᠠᠭ᠋ᠠᠨ᠎ᠤ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢᠨ ᠪᠣᠯᠣᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠵᠢᠶᠸ ᠵᠢ ᠤᠷᠢᠵᠤ᠂ 《ᠪᠣᠬᠢᠷᠲᠤᠯ ᠦᠭᠡᠢ᠎ᠪᠠᠷ ᠬᠥᠭᠵᠢᠭᠦᠯᠬᠦ ᠣᠨᠣᠯᠵᠢᠬᠤᠨ᠎ᠢ ᠲᠤᠤᠱᠯᠠᠭᠤᠯᠵᠤ   ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠠᠵᠢᠯ᠎ᠢ ᠲᠦᠯᠬᠢᠨ ᠠᠬᠢᠭᠤᠯᠤᠶ᠎ᠠ》 ᠭᠡᠰᠡᠨ ᠭᠣᠣᠯ ᠰᠡᠳᠦᠪ ᠵᠶ᠋ᠡᠷ ᠰᠦᠯᠵᠢᠶᠡᠨ ᠳᠡᠭᠡᠷ᠎ᠡ ᠲᠠ ᠪᠦᠬᠦᠨ᠎ᠲᠠᠢ ᠶᠠᠷᠢᠯᠴᠠᠭᠤᠯᠬᠤ᠎ᠪᠠᠷ ᠪᠣᠯᠣᠯ᠎ᠠ᠃ ᠸᠠᠩ ᠲᠢᠩᠬᠢᠮ᠎ᠤᠨ ᠳᠠᠷᠤᠭ᠎ᠠ ᠡ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
      ᠸᠠᠩ ᠵᠢᠶᠸ᠄
      ᠬᠥᠲᠥᠯᠥᠭᠴᠢ ᠰᠠᠢ᠍ᠢ᠍ᠨ ᠪᠠᠢ᠌ᠨ᠎ᠠ ᠦᠦ᠂ ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨ᠎ᠠ ᠦᠦ! ᠲᠠ ᠪᠦᠬᠦᠨ᠎ᠲᠠᠢ ᠰᠠᠨᠠᠯ ᠵᠶ᠋ᠠᠨ ᠰᠣᠯᠢᠯᠴᠠᠬᠤ ᠪᠣᠯᠣᠭᠰᠠᠨ᠎ᠳᠠᠭᠠᠨ ᠲᠤᠩ ᠪᠠᠶᠠᠷᠯᠠᠵᠤ ᠪᠠᠢ᠌ᠨ᠎ᠠ᠃ ᠡᠨᠡᠬᠥ ᠲᠠᠰᠢᠷᠠᠮ᠎ᠳᠤ᠂ ᠪᠢ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠲᠢᠩᠬᠢᠮ᠎ᠤᠨ ᠡᠮᠦᠨ᠎ᠡ᠎ᠠᠴᠠ ᠮᠠᠨ᠎ᠤ ᠠᠵᠢᠯ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ ᠠᠨᠳᠠ ᠨᠠᠷ᠎ᠲᠠᠭᠠᠨ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠵᠦ ᠪᠠᠶ᠋ᠢᠨ᠎ᠠ᠃
      ᠬᠥᠲᠥᠯᠥᠭᠴᠢ᠄
      ᠸᠠᠩ ᠲᠢᠩᠬᠢᠮ᠎ᠤᠨ ᠳᠠᠷᠤᠭ᠎ᠠ ᠡ᠂ ᠶᠠᠭᠤᠨ᠎ᠤ ᠡᠮᠦᠨ᠎ᠡ ᠲᠠ ᠮᠠᠨ᠎ᠤ ᠣᠷᠣᠨ᠎ᠤ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠵᠠᠰᠠᠯᠲᠠ᠎ᠳᠤ ᠲᠤᠯᠭ᠋ᠠᠷᠠᠵᠤ ᠪᠠᠶ᠋ᠢᠭ᠎ᠠ ᠪᠠᠶ᠋ᠢᠳᠠᠯ ᠪᠠ ᠣᠷᠣᠰᠢᠵᠤ ᠪᠠᠶ᠋ᠢᠭ᠎ᠠ ᠭᠣᠣᠯ ᠠᠰᠠᠭᠤᠳᠠᠯ᠎ᠢ ᠶᠠᠷᠢᠵᠤ ᠥᠭᠭᠦᠨ᠎ᠡ ᠦᠦ?
      ᠸᠠᠩ ᠵᠢᠶᠸ᠄
      ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠤᠷᠢᠳᠤ ᠡᠮᠦᠨ᠎ᠡ ᠭᠠᠷᠤᠭ᠎ᠠ ᠤᠢ᠍ᠭᠡᠢ ᠥᠨᠳᠦᠷ ᠲᠦᠪᠰᠢᠨ᠎ᠳᠤ ᠬᠦᠷᠲᠡᠯ᠎ᠡ ᠳᠡᠭᠡᠭᠰᠢᠯᠡᠭᠦᠯᠵᠦ᠂ ᠮᠠᠨ᠎ᠤ ᠤᠯᠤᠰ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠥᠷᠨᠢᠭᠦᠯᠬᠦ ᠴᠠᠭ ᠦᠶ᠎ᠡ᠎ᠳᠤ ᠣᠷᠣᠭᠰᠠᠨ᠎ᠢ ᠬᠠᠷᠠᠭᠤᠯᠪᠠ᠂ ᠤᠯᠤᠰ᠎ᠠᠴᠠ ᠠᠮᠢ ᠠᠬᠤᠶ ᠵᠢ ᠬᠠᠮᠠᠭ᠋ᠠᠯᠠᠬᠤ ᠪᠠ ᠵᠠᠰᠠᠬᠤ ᠨᠡᠡᠭ ᠴᠢᠩᠭ᠎ᠠ ᠠᠷᠭ᠎ᠠ ᠬᠡᠮᠵᠢᠶ᠎ᠡ ᠠᠪᠴᠤ᠂ ᠠᠮᠢ ᠠᠬᠤᠢ ᠵᠢ ᠬᠠᠮᠠᠭ᠋ᠠᠯᠠᠬᠤ ᠪᠠ ᠵᠠᠰᠠᠬᠤ ᠡᠷᠴᠢᠮ ᠵᠶ᠋ᠡᠨ ᠴᠢᠩᠭ᠋ᠠᠷᠠᠭᠤᠯᠬᠤ ᠪᠣᠯᠣᠨ᠎ᠠ᠃ ᠶᠡᠷᠦᠩᠬᠡᠶ ᠱᠦᠵᠢ ᠰᠢ ᠵᠢᠨ ᠫᠢᠩ᠎ᠤᠨ ᠳᠤᠷᠠᠳᠤᠭᠰᠠᠨ 《ᠤᠮᠠᠷᠠᠲᠤ ᠬᠢᠯᠢ ᠵᠢᠨ ᠡᠨᠡ ᠬᠦ᠌ ᠦᠵᠡᠮᠵᠢ ᠵᠢᠨ ᠣᠷᠣᠨ᠎ᠢ ᠨᠡᠩ ᠦᠵᠡᠰᠬᠦᠯᠡᠩ ᠪᠣᠯᠭ᠋ᠠᠨ ᠴᠣᠭᠴᠠᠯᠠᠬᠤ ᠬᠡᠷᠡᠭᠲᠡᠢ》 ᠭᠡᠰᠡᠨ ᠬᠦᠰᠡᠯ ᠡᠷᠡᠮᠡᠯᠵᠡᠯ ᠪᠣᠯᠤᠨ ᠥᠪᠡᠷᠲᠡᠭᠡᠨ ᠵᠠᠰᠠᠬᠤ ᠣᠷᠣᠨ ᠵᠶ᠋ᠡᠨ ᠳᠤᠷᠠᠳᠤᠭᠰᠠᠨ ᠮᠠᠨ᠎ᠤ ᠣᠷᠣᠨ᠎ᠢ ᠤᠮᠠᠷᠠᠲᠤ ᠵᠢᠨ ᠠᠮᠢ ᠠᠬᠤᠶ ᠵᠢᠨ ᠠᠮᠤᠷ ᠲᠦᠪᠰᠢᠨ᠎ᠤ ᠴᠢᠬᠤᠯᠠ ᠬᠠᠯᠬᠠᠪᠴᠢ ᠪᠣᠯᠭ᠋ᠠᠨ ᠪᠠᠢ᠌ᠭᠤᠯᠬᠤ ᠬᠡᠷᠡᠭᠲᠡᠢ ᠭᠡᠰᠡᠨ ᠱᠠᠭ᠋ᠠᠷᠳᠠᠯᠭ᠎ᠠ᠎ᠨᠢ ᠮᠠᠨ᠎ᠤ ᠣᠷᠣᠨ᠎ᠤ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ᠎ᠳᠤ ᠨᠡᠩ ᠥᠨᠳᠥᠷ ᠱᠠᠭ᠋ᠠᠷᠳᠠᠯᠭ᠎ᠠ ᠲᠠᠯᠪᠢᠪᠠ᠂ ᠡᠭᠦᠨ᠎ᠤ ᠬᠠᠮᠲᠤ ᠮᠠᠨ᠎ᠤ ᠣᠷᠣᠨ ᠤᠮᠠᠷᠠᠲᠤ ᠣᠷᠣᠨ᠂ ᠵᠡᠭᠦᠨ ᠬᠣᠶ᠋ᠢᠲᠤ ᠣᠷᠣᠨ ᠵᠡᠷᠭᠡ ᠴᠢᠬᠤᠯᠠ ᠠᠵᠤ ᠠᠬᠤᠶ ᠵᠢᠨ ᠣᠷᠣᠨ᠎ᠲᠠᠢ ᠬᠥᠷᠰᠢᠯᠡᠵᠦ᠂ ᠪᠠᠰᠠ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠰᠤᠷᠪᠤᠯᠵᠢ ᠵᠢ ᠵᠠᠰᠠᠬᠤ ᠣᠷᠣᠨ ᠪᠣᠯᠵᠤ ᠪᠠᠢ᠌ᠵᠤ᠂ ᠥᠪᠡᠷᠮᠢᠴᠡ ᠣᠷᠣᠨ ᠪᠠᠶ᠋ᠢᠷᠢ᠎ᠲᠠᠢ ᠪᠣᠯᠬᠣᠷ ᠡᠬᠢ ᠪᠠᠶᠠᠯᠢᠭ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠎ᠨᠢ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ ᠪᠠ ᠵᠠᠭᠤᠴᠢᠯᠠᠭᠤᠷ᠎ᠤᠨ ᠠᠩᠬᠠᠷᠤᠯ᠎ᠢ ᠥᠷᠭᠡᠨ ᠵᠶ᠋ᠠᠷ ᠲᠠᠲᠠᠵᠤ᠂ ᠲᠥᠪᠯᠡᠷᠡᠯ ᠠᠰᠠᠭᠤᠳᠠᠯ᠎ᠤᠨ ᠨᠢᠭᠡ᠎ᠨᠢ ᠪᠣᠯᠪᠠ᠃
      ᠮᠠᠨ᠎ᠤ ᠣᠷᠣᠨ ᠪᠣᠯ ᠠᠭᠤᠷᠬᠠᠶ ᠵᠢᠨ ᠦᠢ᠍ᠯᠡᠰ᠎ᠤᠨ ᠶᠡᠬᠡ ᠮᠤᠵᠢ ᠣᠷᠣᠨ ᠮᠥᠨ᠂ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠤᠭᠤᠷᠢᠨ ᠪᠣᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠢ ᠬᠠᠮᠠᠭ᠋ᠠᠯᠠᠬᠤ ᠪᠠ ᠵᠠᠰᠠᠬᠤ ᠠᠵᠢᠯ᠎ᠤᠨ ᠴᠢᠬᠤᠯᠠ ᠠᠭᠤᠯᠭ᠎ᠠ ᠪᠣᠯᠣᠨ᠎ᠠ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠠᠴᠠ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ ᠪᠠᠢ᠌ᠭ᠎ᠠ ᠶᠡᠬᠡ ᠠᠬᠤᠶ ᠪᠠᠶ᠋ᠢᠳᠠᠯ᠎ᠤᠨ ᠳᠣᠣᠷ᠎ᠠ᠂ ᠠᠭᠤᠷᠬᠠᠶ ᠵᠢᠨ ᠦᠢ᠍ᠯᠡᠰ᠎ᠢ ᠨᠡᠭᠡᠭᠡᠨ ᠠᠰᠢᠭᠯᠠᠬᠤ ᠪᠠ ᠠᠮᠢ ᠠᠬᠤᠶ ᠵᠢ ᠬᠠᠮᠠᠭ᠋ᠠᠯᠠᠬᠤ ᠵᠢᠨ ᠬᠠᠷᠢᠴᠠᠭ᠎ᠠ ᠵᠢ ᠬᠡᠷᠬᠢᠨ ᠰᠠᠶ᠋ᠢᠲᠤᠷ ᠰᠢᠢ᠍ᠳᠪᠦᠷᠢᠯᠡᠨ ᠵᠣᠬᠢᠴᠠᠭᠤᠯᠬᠤ᠂ ᠡᠬᠢ ᠪᠠᠶᠠᠯᠢᠭ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠵᠢᠨ ᠳᠠᠭ᠋ᠠᠤ ᠨᠡᠭᠡᠭᠡᠡ ᠠᠰᠢᠭᠯᠠᠬᠤ᠂ ᠨᠡᠭᠡᠭᠡᠨ ᠠᠰᠢᠭᠯᠠᠬᠤ ᠵᠢᠨ ᠳᠠᠭ᠋ᠠᠤ ᠬᠠᠮᠠᠭ᠋ᠠᠯᠬᠤ ᠲᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠬᠤ᠎ᠨᠢ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠨᠡᠩ ᠴᠢᠩᠭ᠎ᠠ ᠱᠠᠭ᠋ᠠᠷᠳᠠᠯᠭ᠎ᠠ ᠳᠤᠷᠠᠳᠪᠠ᠃ ᠮᠠᠨ᠎ᠤ ᠣᠷᠣᠨ᠎ᠤ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠪᠣᠯ ᠳᠠᠪᠠᠭᠤᠯᠢᠭ ᠠᠵᠤ ᠦᠢ᠍ᠯᠡᠰ ᠮᠥᠨ᠂ 10 ᠭᠠᠷᠤᠶ ᠵᠢᠯ᠎ᠤᠨ ᠬᠠᠲᠠᠭᠤ ᠨᠡᠭᠡᠭᠡᠨ ᠠᠰᠢᠭᠯᠠᠬᠤ ᠬᠤᠭᠤᠴᠠᠭ᠎ᠠ ᠵᠢ ᠥᠩᠭᠡᠷᠡᠭᠡᠭᠡᠳ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠵᠢ ᠯᠤᠲᠤ ᠶᠡᠬᠡ ᠠᠬᠢᠭᠤᠯᠤᠭᠰᠠᠨ᠎ᠤ ᠬᠠᠮᠲᠤ ᠡᠭᠦᠨ᠎ᠠᠴᠠ ᠪᠤᠢ ᠪᠣᠯᠤᠭᠰᠠᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠠᠰᠠᠭᠤᠳᠠᠯ᠎ᠢ ᠨᠢᠭᠡ ᠬᠡᠰᠡᠭ ᠬᠤᠭᠤᠴᠠᠭ᠋ᠠᠨ᠎ᠠ ᠰᠢᠩᠭᠡᠭᠡᠬᠦ ᠬᠡᠷᠡᠭᠲᠡᠢ ᠪᠣᠯᠪᠠ᠃ ᠪᠦᠬᠦ ᠣᠷᠣᠨ᠎ᠳᠤ ᠨᠡᠢ᠌ᠲᠡ 4643 ᠠᠭᠤᠷᠬᠠᠢ ᠪᠠᠢ᠌ᠵᠤ᠂ ᠪᠥᠭᠯᠡᠭᠰᠡᠨ ᠠᠭᠤᠷᠬᠠᠶ 428 ᠪᠤᠢ᠃ ᠬᠤᠭᠤᠴᠠᠭ᠋ᠠᠲᠤ ᠪᠠᠢ᠌ᠭ᠎ᠠ ᠠᠭᠤᠷᠬᠠᠶ ᠮᠠᠯᠲᠠᠬᠤ ᠡᠷᠬᠡ ᠵᠢᠨ ᠲᠠᠯᠠᠪᠠᠢ 7511.53 ᠲᠡᠭᠰᠢ ᠳᠥᠷᠪᠡᠯᠵᠢᠨ ᠺᠢᠯᠣᠮᠧᠲᠷ (ᠡᠭᠦᠨ᠎ᠳᠤ ᠭᠠᠵᠠᠷ ᠳᠣᠣᠷᠠᠬᠢ ᠮᠠᠯᠲᠠᠯᠲᠠ 4078.18 ᠲᠡᠭᠰᠢ ᠳᠥᠷᠪᠡᠯᠵᠢᠨ ᠺᠢᠯᠣᠮᠧᠲᠷ᠂ ᠵᠠᠳᠠᠭ᠋ᠠᠶ ᠮᠠᠯᠲᠠᠯᠲᠠ 3433.35 ᠲᠡᠭᠰᠢ ᠳᠥᠷᠪᠡᠯᠵᠢᠨ ᠺᠢᠯᠣᠮᠧᠲᠷ ᠪᠤᠢ) ᠪᠠᠢ᠌ᠵᠦ᠂ ᠨᠡᠶ᠋ᠢᠲᠡ ᠡᠵᠡᠯᠡᠨ ᠬᠡᠷᠡᠭᠯᠡᠭᠰᠡᠨ ᠭᠠᠵᠠᠷ ᠰᠢᠷᠣᠶ ᠵᠢᠨ ᠲᠠᠯᠠᠪᠠᠢ 1828.28 ᠲᠡᠭᠰᠢ ᠳᠥᠷᠪᠡᠯᠵᠢᠨ ᠺᠢᠯᠣᠮᠧᠲᠷ (ᠡᠭᠦᠨ᠎ᠳᠤ᠄ ᠬᠤᠳᠳᠤᠭ᠎ᠤᠨ ᠠᠵᠢᠯ 830.48 ᠲᠡᠭᠰᠢ ᠳᠥᠷᠪᠡᠯᠵᠢᠨ ᠺᠢᠯᠣᠮᠧᠲᠷ᠂ ᠵᠠᠳᠠᠭ᠋ᠠᠶ ᠠᠵᠢᠯ 997.80 ᠲᠡᠭᠰᠢ ᠳᠥᠷᠪᠡᠯᠵᠢᠨ ᠺᠢᠯᠣᠮᠧᠲᠷ ᠪᠤᠢ) ᠪᠤᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠬᠠᠳᠠᠭ᠋ᠠᠯᠠᠮᠵᠢ᠎ᠨᠢ 119.4 ᠳ᠋ᠦᠩᠰᠢᠭᠤᠷ ᠲᠣᠨ᠂ ᠣᠪᠣᠭ᠋ᠠᠯᠠᠵᠤ ᠲᠠᠯᠪᠢᠬᠤ ᠡᠵᠡᠯᠡᠨ ᠬᠡᠷᠡᠭᠯᠡᠭᠰᠡᠨ ᠭᠠᠵᠠᠷ ᠰᠢᠷᠣᠶ ᠵᠢᠨ ᠲᠠᠯᠠᠪᠠᠢ 1325.98 ᠲᠡᠭᠰᠢ ᠳᠥᠷᠪᠡᠯᠵᠢᠨ ᠺᠢᠯᠣᠮᠧᠲᠷ ᠪᠠᠢ᠌ᠵᠤ᠂ ᠭᠠᠵᠠᠷ᠎ᠤᠨ ᠭᠠᠳᠠᠷᠭᠤ ᠵᠢᠨ ᠰᠠᠭᠤᠭᠳᠠᠭᠰᠠᠨ (ᠨᠤᠷᠠᠭᠳᠠᠭᠰᠠᠨ) ᠲᠠᠯᠠᠪᠠᠶ 209.60 ᠲᠡᠭᠰᠢ ᠳᠥᠷᠪᠡᠯᠵᠢᠨ ᠺᠢᠯᠣᠮᠧᠲᠷ᠂ ᠪᠤᠰᠤᠳ ᠡᠵᠡᠯᠡᠨ ᠬᠡᠷᠡᠭᠯᠡᠭᠰᠡᠨ ᠭᠠᠵᠠᠷ ᠰᠢᠷᠣᠶ ᠵᠢᠨ ᠲᠠᠯᠠᠪᠠᠢ 293.00 ᠲᠡᠭᠰᠢ ᠳᠥᠷᠪᠡᠯᠵᠢᠨ ᠺᠢᠯᠣᠮᠧᠲᠷ

ᠪᠠᠢ᠌ᠨ᠎ᠠ᠃  
    ᠸᠠᠩ ᠵᠢᠶᠸ᠄
      ᠶᠡᠷᠦᠩᠬᠡᠢ ᠪᠠᠢ᠌ᠳᠠᠯ᠎ᠠᠴᠠ ᠦᠵᠡᠪᠡᠯ᠂ ᠠᠭᠤᠷᠬᠠᠶ ᠵᠢᠨ ᠣᠷᠴᠢᠨ ᠲᠣᠭᠣᠷᠢᠨ᠎ᠢ ᠵᠠᠰᠠᠬᠤ ᠠᠵᠢᠯ᠎ᠨᠢ ᠳᠡᠭᠡᠭᠰᠢᠯᠡᠯᠲᠡ᠎ᠲᠠᠢ ᠪᠦᠭᠡᠳ ᠪᠠᠭᠤᠷᠠᠯᠲᠠ᠎ᠲᠠᠢ ᠪᠠᠢ᠌ᠵᠤ᠂ ᠨᠢᠭᠡ ᠲᠠᠯ᠎ᠠ᠎ᠪᠠᠷ ᠡᠯ᠎ᠡ ᠭᠠᠵᠠᠷ᠎ᠤᠳ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠲᠦᠯᠬᠢᠨ ᠠᠬᠢᠭᠤᠯᠬᠤ ᠳᠤᠮᠳᠠ᠂ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠠᠵᠢᠯ᠎ᠢ ᠨᠡᠩ ᠢᠯᠡᠭᠦᠦ ᠴᠢᠬᠤᠯᠠᠴᠢᠯᠠᠨ᠂ ᠡᠯ᠎ᠡ ᠱᠠᠲᠤᠨ᠎ᠤ ᠵᠠᠰᠠᠭ᠎ᠤᠨ ᠣᠷᠳᠣᠨ ᠪᠡᠯᠡ ᠮᠦᠩᠭᠦ ᠵᠢᠨ ᠣᠷᠤᠭᠤᠯᠤᠯᠲᠠ ᠵᠢᠨ ᠡᠷᠴᠢᠮ ᠵᠶ᠋ᠡᠨ ᠲᠠᠰᠤᠷᠠᠯᠳᠠ ᠦᠭᠡᠢ ᠴᠢᠩᠭ᠋ᠠᠷᠠᠭᠤᠯᠵᠤ᠂ ᠨᠡᠯᠢᠶᠡᠳ ᠰᠠᠢ᠍ᠢ᠍ᠨ ᠦᠷ᠎ᠡ ᠪᠦᠲᠦᠮᠵᠢ ᠣᠯᠵᠠᠢ᠃ ᠨᠤᠢ᠍ᠬᠦᠭᠡ ᠲᠠᠯ᠎ᠠ᠎ᠪᠠᠷ᠂ ᠠᠭᠤᠷᠬᠠᠶ ᠵᠢᠨ ᠦᠢ᠍ᠯᠡᠰ᠎ᠤᠨ ᠠᠵᠤ ᠠᠬᠤᠶ ᠵᠢᠨ ᠪᠠᠶ᠋ᠢᠳᠠᠯ ᠪᠠᠷᠤᠭᠲᠠᠢ᠎ᠠᠴᠠ ᠪᠣᠯᠵᠤ᠂ ᠪᠥᠬᠥ ᠣᠷᠣᠨ᠎ᠤ ᠦᠢ᠍ᠯᠡᠳᠪᠦᠷᠢᠯᠡᠯ ᠵᠶ᠋ᠡᠨ ᠵᠣᠭᠰᠤᠭᠰᠠᠨ ᠠᠭᠤᠷᠬᠠᠶ ᠨᠡᠯᠢᠶᠡᠳ ᠠᠷᠪᠢᠨ ᠪᠣᠯᠤᠭᠰᠠᠨ ᠮᠥᠷᠲᠡᠭᠡᠨ ᠠᠭᠤᠷᠬᠠᠶ ᠵᠢᠨ ᠠᠵᠤ ᠠᠬᠤᠶ ᠵᠢᠨ ᠦᠷ᠎ᠡ ᠠᠰᠢᠭ ᠶᠡᠬᠡᠪᠡᠷ ᠪᠠᠭᠤᠷᠠᠨ᠂ ᠠᠵᠤ ᠠᠬᠤᠶ᠋ᠢᠯᠠᠯ᠎ᠤᠳ ᠪᠡᠯᠡ ᠮᠥᠩᠭᠥ ᠭᠠᠷᠭ᠋ᠠᠨ ᠵᠠᠰᠠᠬᠤ ᠴᠢᠳᠠᠯ ᠦᠭᠡᠢ ᠪᠣᠯᠵᠤ᠂ ᠮᠠᠯᠲᠠᠵᠤ ᠪᠠᠶ᠋ᠢᠭ᠎ᠠ ᠠᠭᠤᠷᠬᠠᠶ ᠵᠢᠨ ᠣᠷᠴᠢᠨ ᠲᠣᠭᠣᠷᠢᠨ᠎ᠢ ᠵᠠᠰᠠᠬᠤ ᠪᠠᠶ᠋ᠢᠳᠠᠯ ᠪᠠᠰᠠ ᠲᠤᠶ᠋ᠢᠯ᠎ᠤᠨ ᠬᠦᠨᠳᠦ ᠨᠣᠴᠢᠲᠠᠢ ᠪᠠᠶ᠋ᠢᠨ᠎ᠠ᠃ ᠠᠰᠠᠭᠤᠳᠠᠯ᠎ᠨᠢ ᠭᠣᠣᠯᠳᠠᠭᠤ ᠭᠤᠷᠪᠠᠨ ᠲᠠᠯ᠎ᠠ᠎ᠪᠠᠷ ᠢᠯᠡᠷᠡᠵᠦ ᠪᠠᠢ᠌ᠨ᠎ᠠ᠄ ᠨᠢᠭᠡ᠎ᠳᠤ ᠵᠢᠯ ᠪᠦᠷᠢ ᠵᠢᠨ ᠵᠠᠰᠠᠭᠰᠠᠨ ᠲᠠᠯᠠᠪᠠᠢ ᠵᠢ ᠬᠠᠰᠤᠭ᠋ᠠᠳ ᠡᠪᠳᠡᠭᠳᠡᠭᠰᠡᠨ ᠲᠠᠯᠠᠪᠠᠢ᠎ᠨᠢ ᠲᠠᠰᠤᠷᠠᠯᠲᠠ ᠦᠭᠡᠶ ᠪᠠᠭ᠋ᠠᠰᠴᠤ ᠪᠠᠢ᠌ᠭ᠎ᠠ ᠪᠣᠯᠪᠠᠴᠤ ᠡᠪᠳᠡᠭᠳᠡᠭᠰᠡᠨ ᠲᠠᠯᠠᠪᠠᠢ᠎ᠨᠢ ᠮᠦᠨ ᠵᠠᠰᠠᠭᠰᠠᠨ ᠲᠠᠯᠠᠪᠠᠢ᠎ᠠᠴᠠ᠎ᠪᠠᠨ ᠶᠡᠬᠡ ᠪᠠᠢ᠌ᠵᠤ᠂ ᠦᠨᠳᠦᠰᠦᠨ᠎ᠳᠡᠭᠡᠨ ᠲᠡᠩᠴᠡᠭᠦᠷᠢᠲᠡᠶ ᠪᠣᠯᠵᠤ ᠴᠢᠳᠠᠭ᠋ᠠᠳᠤᠢ ᠪᠠᠢ᠌ᠨ᠎ᠠ᠂ ᠬᠣᠶᠠᠷ᠎ᠲᠤ ᠲᠡᠦᠬᠡᠨ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠢ ᠦᠨᠳᠦᠰᠦᠨ᠎ᠠᠴᠠ᠎ᠨᠢ ᠰᠢᠢ᠍ᠳᠪᠦᠷᠢᠯᠡᠵᠦ ᠴᠢᠳᠠᠭ᠋ᠠᠳᠤᠢ᠂ ᠬᠠᠤᠯᠢ ᠵᠢ ᠵᠥᠷᠢᠴᠡᠵᠦ ᠨᠡᠭᠡᠭᠡᠨ ᠮᠠᠯᠲᠠᠬᠤ᠎ᠠᠴᠠ ᠪᠤᠯᠵᠤ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠡᠪᠳᠡᠵᠦ ᠪᠠᠶ᠋ᠢᠭ᠎ᠠ ᠠᠰᠠᠭᠤᠳᠠᠯ ᠪᠠᠰᠠ ᠲᠠᠰᠤᠷᠠᠯᠲᠠ ᠦᠭᠡᠶ ᠨᠡᠮᠡᠭᠳᠡᠵᠦ᠂ ᠠᠭᠤᠷᠬᠠᠶ ᠵᠢᠨ ᠣᠷᠣᠨ᠎ᠤ ᠠᠷᠠᠳ ᠲᠦᠮᠡᠨ ᠬᠢᠭᠡᠳ ᠠᠭᠤᠷᠬᠠᠶ ᠵᠢᠨ ᠠᠵᠤ ᠠᠬᠤᠶ᠋ᠢᠯᠠᠯ᠎ᠯᠤᠭ᠎ᠠ ᠠᠰᠢᠭ ᠲᠤᠰᠠ ᠵᠢᠨ ᠵᠥᠷᠢᠴᠡᠯ᠎ᠨᠢ ᠠᠭᠤᠷᠬᠠᠶ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠪᠠ ᠵᠠᠰᠠᠬᠤ ᠳᠡᠭᠡᠷ᠎ᠡ ᠠᠮᠠᠷᠬᠠᠨ ᠲᠥᠪᠯᠡᠷᠡᠵᠦ ᠪᠠᠢ᠌ᠨ᠎ᠠ; ᠭᠤᠷᠪᠠ᠎ᠳᠤ ᠣᠳᠣᠬᠠᠨ᠎ᠤ ᠪᠦᠬᠦ ᠤᠯᠤᠰ᠎ᠤᠨ ᠠᠭᠤᠷᠬᠠᠶ ᠵᠢᠨ ᠦᠢ᠍ᠯᠡᠰ᠎ᠤᠨ ᠠᠵᠤ ᠠᠬᠤᠶ ᠬᠦᠨᠳᠦ ᠨᠣᠴᠢᠲᠠᠶ ᠪᠠᠭᠤᠷᠠᠵᠤ᠂ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠲᠡᠭᠦᠯᠳᠡᠷᠵᠢᠭᠡᠳᠦᠶ ᠪᠥᠭᠡᠳ ᠪᠣᠳᠠᠲᠠᠢ᠌ᠵᠢᠭ᠋ᠠᠳᠤᠢ ᠪᠠᠢ᠌ᠭ᠎ᠠ ᠵᠡᠷᠭᠡ ᠰᠢᠯᠲᠠᠭ᠋ᠠᠨ᠎ᠠᠴᠠ ᠪᠣᠯᠤᠨ᠂ ᠠᠵᠤ ᠠᠬᠤᠶ᠋ᠢᠯᠠᠯ᠎ᠤᠳ᠎ᠤᠨ ᠨᠡᠭᠡᠭᠡᠨ ᠮᠠᠯᠲᠠᠬᠤ ᠵᠢᠨ ᠳᠠᠭ᠋ᠠᠤ ᠵᠠᠰᠠᠬᠤ ᠵᠢ ᠰᠠᠨᠠᠭ᠋ᠠᠴᠢᠯᠠᠭ᠎ᠠ᠎ᠠᠴᠠ᠎ᠪᠠᠨ ᠭᠦᠢ᠍ᠴᠡᠳᠬᠡᠬᠦ ᠢᠳᠡᠪᠬᠢᠵᠢᠯ᠎ᠨᠢ ᠴᠦ᠍ ᠥᠨᠳᠥᠷ ᠪᠤᠰᠤ ᠪᠠᠢ᠌ᠬᠤ ᠠᠰᠠᠭᠤᠳᠠᠯ ᠣᠷᠤᠰᠢᠵᠤ ᠪᠠᠢ᠌ᠨ᠎ᠠ᠃
      ᠬᠥᠲᠥᠯᠥᠭᠴᠢ᠄
     《12 · 5》 ᠵᠢᠨ ᠲᠦᠯᠦᠪᠵᠢᠭᠦᠯᠭᠡ ᠵᠢᠨ ᠬᠤᠭᠤᠴᠠᠭ᠋ᠠᠨ᠎ᠳᠤ᠂ ᠮᠠᠨ᠎ᠤ ᠣᠷᠣᠨ᠎ᠤ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠬᠠᠮᠢᠶᠠᠷᠤᠯᠲᠠ᠎ᠨᠢ ᠶᠠᠮᠠᠷ ᠶᠠᠮᠠᠷ ᠭᠢᠯᠠᠰ ᠴᠢᠭ᠋᠎ᠲᠠᠢ ᠪᠠᠢ᠌ᠬᠤ ᠪᠤᠢ?
      ᠸᠠᠩ ᠵᠢᠶᠸ᠄
     《12 · 5》 ᠵᠢᠨ ᠲᠦᠯᠦᠪᠵᠢᠭᠦᠯᠭᠡ ᠵᠢᠨ ᠬᠤᠭᠤᠴᠠᠭ᠋ᠠᠨ᠎ᠳᠤ᠂ ᠮᠠᠨ᠎ᠤ ᠣᠷᠣᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠡᠷᠴᠢᠮ ᠵᠶ᠋ᠠᠨ ᠲᠠᠰᠤᠷᠠᠯᠲᠠ ᠦᠭᠡᠶ ᠴᠢᠩᠭ᠋ᠠᠷᠠᠭᠤᠯᠵᠤ᠂ ᠪᠦᠬᠦ ᠣᠷᠣᠨ᠎ᠤ ᠬᠠᠮᠲᠤ ᠵᠢᠨ ᠴᠢᠷᠮᠠᠶ᠋ᠢᠯᠭ᠎ᠠ ᠳᠣᠣᠷ᠎ᠠ᠂ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ᠂ ᠭᠠᠵᠠᠷ ᠰᠢᠨᠵᠢᠯᠡᠭᠡᠨ᠎ᠤ ᠦᠯᠡᠳᠡᠭᠳᠡᠯ᠎ᠢ ᠬᠠᠮᠠᠭ᠋ᠠᠯᠠᠬᠤ᠂ ᠭᠠᠵᠠᠷ ᠰᠢᠨᠵᠢᠯᠡᠭᠡᠨ᠎ᠤ ᠭᠠᠶ ᠭᠠᠮᠰᠢᠭ᠎ᠢ ᠰᠡᠷᠭᠡᠶ᠋ᠢᠯᠡᠨ ᠵᠠᠰᠠᠬᠤ ᠵᠡᠷᠭᠡ ᠡᠯ᠎ᠡ ᠵᠦᠢ᠍ᠯ᠎ᠤᠨ ᠠᠵᠢᠯ᠎ᠳᠤ ᠮᠠᠰᠢ ᠰᠠᠢ᠍ᠢ᠍ᠨ ᠠᠮᠵᠢᠯᠲᠠ ᠪᠦᠲᠦᠮᠵᠢ

ᠣᠯᠪᠠ᠃
      ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠲᠠᠯ᠎ᠠ᠎ᠪᠠᠷ᠃ 《12 · 5》 ᠵᠢᠨ ᠲᠦᠯᠦᠪᠵᠢᠭᠦᠯᠭᠡ ᠵᠢᠨ ᠬᠤᠭᠤᠴᠠᠭ᠋ᠠᠨ᠎ᠳᠤ᠂ ᠪᠦᠬᠦ ᠣᠷᠣᠨ ᠵᠶ᠋ᠡᠷ ᠵᠶ᠋ᠡᠨ ᠡᠯ᠎ᠡ ᠲᠥᠷᠥᠯ᠎ᠤᠨ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ᠎ᠳᠤ ᠨᠡᠢ᠌ᠲᠡ 29.23 ᠳ᠋ᠦᠩᠰᠢᠭᠤᠷ ᠲᠥᠭᠥᠷᠢᠭ ᠵᠠᠷᠤᠴᠠᠭᠤᠯᠵᠤ᠂ ᠨᠡᠶ᠋ᠢᠲᠡ 608.74 ᠲᠡᠭᠰᠢ ᠳᠥᠷᠪᠡᠯᠵᠢᠨ ᠺᠢᠯᠣᠮᠧᠲᠷ ᠲᠠᠯᠠᠪᠠᠢ ᠵᠢ ᠵᠠᠰᠠᠵᠤ᠂ 《12 · 5》 ᠵᠢᠨ ᠲᠦᠯᠦᠪᠵᠢᠭᠦᠯᠭᠡ᠎ᠳᠤ ᠲᠣᠭᠲᠠᠭ᠋ᠠᠭᠰᠠᠨ ᠵᠠᠰᠠᠬᠤ ᠲᠠᠯᠠᠪᠠᠢ ᠵᠢᠨ ᠬᠠᠷᠠᠯᠲᠠ᠎ᠠᠴᠠ 73.49 ᠲᠡᠭᠰᠢ ᠳᠥᠷᠪᠡᠯᠵᠢᠨ ᠺᠢᠯᠣᠮᠧᠲᠷ ᠳᠠᠪᠠᠭᠤᠯᠵᠤ᠂ ᠤᠤᠯ ᠬᠠᠷᠠᠯᠲᠠ ᠵᠢ 113.7%᠎ᠪᠠᠷ ᠳᠠᠪᠠᠭᠤᠯᠪᠠ᠃
      ᠨᠢᠭᠡ᠎ᠳᠤ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠪᠡᠯᠡ ᠮᠦᠩᠭᠦ ᠦᠷᠭᠦᠯᠵᠢᠯᠡᠨ ᠣᠷᠤᠭᠤᠯᠪᠠ᠃ 《12 · 5》 ᠵᠢᠨ ᠲᠦᠯᠦᠪᠵᠢᠭᠦᠯᠭᠡ ᠵᠢᠨ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ 6.60 ᠳ᠋ᠦᠩᠰᠢᠭᠤᠷ ᠲᠥᠭᠥᠷᠢᠭ᠎ᠤᠨ ᠪᠡᠯᠡ ᠮᠦᠩᠭᠦ ᠣᠷᠤᠭᠤᠯᠤᠨ᠂ 72 ᠲᠦᠷᠦᠯ ᠵᠦᠢ᠍ᠯ᠎ᠢ ᠬᠡᠷᠡᠭᠵᠢᠭᠦᠯᠵᠦ᠂ ᠲᠥᠪ᠎ᠤᠨ ᠡᠳ᠋᠎ᠤᠨ ᠵᠠᠰᠠᠭ᠎ᠠᠴᠠ 2.30 ᠳ᠋ᠦᠩᠰᠢᠭᠤᠷ ᠲᠥᠭᠥᠷᠢᠭ ᠪᠡᠯᠡ ᠮᠦᠩᠭᠦ ᠣᠯᠵᠤ᠂ 86.93 ᠲᠡᠭᠰᠢ ᠳᠥᠷᠪᠡᠯᠵᠢᠨ ᠺᠢᠯᠣᠮᠧᠲᠷ ᠲᠠᠯᠠᠪᠠᠢ ᠵᠢ ᠵᠠᠰᠠᠬᠤ᠎ᠪᠠᠷ ᠲᠥᠯᠦᠪᠯᠡᠪᠡ᠃ ᠭᠤᠷᠪᠠᠨ ᠤᠷᠤᠨ ᠬᠣᠶᠠᠷ ᠱᠤᠭᠤᠮ᠎ᠤᠨ ᠲᠡᠤᠬᠡᠨ᠎ᠠᠴᠠ ᠦᠯᠡᠳᠡᠭᠳᠡᠵᠦ ᠢᠷᠡᠭᠰᠡᠨ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠠᠰᠠᠭᠤᠳᠠᠯ ᠵᠢᠴᠢ ᠠᠭᠤᠷᠬᠠᠶ ᠵᠢᠨ ᠬᠠᠶᠠᠭᠳᠠᠮᠠᠯ ᠭᠠᠵᠠᠷ ᠵᠢᠴᠢ ᠡᠷᠭᠢᠨ ᠲᠣᠭᠣᠷᠢᠨ᠎ᠤ ᠠᠮᠢ ᠠᠬᠤᠶ ᠵᠢᠨ ᠣᠷᠴᠢᠨ ᠲᠣᠭᠤᠷᠢᠨ᠎ᠢ ᠭᠣᠣᠯᠳᠠᠯᠭ᠎ᠠ᠎ᠲᠠᠢ ᠵᠠᠰᠠᠪᠠ᠃ ᠬᠡᠳᠦᠨ ᠵᠢᠯ᠎ᠤᠨ ᠵᠠᠰᠠᠯᠲᠠ᠎ᠪᠠᠷ ᠳᠠᠮᠵᠢᠨ᠂ ᠲᠦᠷᠦᠯ ᠵᠦᠢ᠍ᠯ᠎ᠤᠨ ᠵᠠᠰᠠᠯᠲᠠ ᠵᠢᠨ ᠣᠷᠣᠨ ᠭᠠᠵᠠᠷ᠎ᠤᠨ ᠪᠠᠶ᠋ᠢᠴᠠ ᠪᠠ ᠭᠠᠳᠠᠷᠭᠤ ᠦᠵᠡᠮᠵᠢ ᠵᠢ ᠰᠡᠷᠭᠦᠭᠡᠬᠦ ᠰᠠᠭᠤᠷᠢᠨ ᠳᠡᠭᠡᠷ᠎ᠡ᠂ ᠶᠡᠬᠡᠩᠬᠢ ᠬᠡᠰᠡᠭ᠎ᠢ᠎ᠨᠢ ᠡᠪᠡᠰᠦᠲᠦ ᠭᠠᠵᠠᠷ᠂ ᠣᠶ᠋ᠢᠲᠤ ᠭᠠᠵᠠᠷ᠂ ᠲᠠᠷᠢᠶᠠᠨ ᠭᠠᠵᠠᠷ ᠪᠣᠯᠭ᠋ᠠᠵᠤ᠂ ᠠᠭᠤᠷᠬᠠᠶ ᠵᠢᠨ ᠠᠮᠢ ᠠᠬᠤᠶ ᠵᠢᠨ ᠣᠷᠴᠢᠨ ᠲᠣᠭᠣᠷᠢᠨ ᠪᠠ ᠬᠥᠮᠦᠰ᠎ᠤᠨ ᠰᠠᠭᠤᠷᠢᠰᠢᠬᠤ ᠣᠷᠴᠢᠨ ᠲᠣᠭᠣᠷᠢᠨ᠎ᠢ ᠢᠯᠡᠷᠬᠡᠶ ᠰᠠᠢ᠌ᠵᠢᠷᠠᠭᠤᠯᠵᠤ᠂ ᠬᠥᠬᠡᠬᠣᠲᠠ᠂ ᠤᠯᠠᠭ᠋ᠠᠨᠴᠠᠪ ᠬᠣᠲᠠ᠂ ᠬᠥᠯᠥᠨ ᠪᠤᠶ᠋ᠢᠷ ᠬᠣᠲᠠ ᠵᠡᠷᠭᠡ ᠬᠤᠳᠠ᠎ᠨᠤᠭᠤᠳ᠎ᠤᠨ ᠡᠷᠬᠢᠨ ᠲᠣᠭᠣᠷᠢᠨ ᠵᠢᠴᠢ ᠪᠡᠭᠡᠵᠢᠩ᠎ᠠᠴᠠ ᠲᠥᠪᠡᠳ ᠬᠦᠷᠬᠦ ᠲᠦᠷᠭᠡᠨ ᠵᠠᠰᠠᠮᠠᠯ ᠵᠠᠮ᠂ 110 ᠤᠯᠤᠰ᠎ᠤᠨ ᠵᠡᠮ᠂ 207 ᠤᠯᠤᠰ᠎ᠤᠨ ᠵᠡᠮ᠂ 111 ᠤᠯᠤᠰ᠎ᠤᠨ ᠵᠡᠮ ᠵᠡᠷᠭᠡ ᠵᠠᠮ ᠬᠠᠷᠢᠯᠴᠠᠭ᠋ᠠᠨ᠎ᠤ ᠭᠣᠣᠯ ᠱᠤᠭᠤᠮ᠎ᠤᠨ ᠬᠣᠶᠠᠷ ᠬᠠᠵᠠᠭᠤ ᠵᠢᠨ ᠦᠵᠡᠭᠳᠡᠬᠦ ᠬᠡᠪᠴᠢᠶᠡᠨ ᠳᠣᠲᠣᠷᠠᠬᠢ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠪᠦᠲᠦᠮᠵᠢᠲᠡᠢ ᠵᠠᠰᠠᠪᠠ᠃ ᠡᠭᠦᠨ᠎ᠤ ᠬᠠᠮᠲᠤ᠂ ᠨᠡᠶ᠋ᠢᠭᠡᠮ᠎ᠤᠨ ᠦᠷ᠎ᠡ ᠠᠰᠢᠭ ᠵᠶ᠋ᠠᠷ ᠰᠠᠶ᠋ᠢᠨ ᠲᠤᠮᠤ ᠵᠦᠢ᠍ᠯ ᠲᠦᠷᠦᠯ᠎ᠢ ᠪᠦᠬᠦ ᠬᠦᠴᠦᠨ ᠵᠶ᠋ᠠᠷ ᠵᠶ᠋ᠠᠨ ᠳᠥᠯᠭᠢᠨ ᠠᠬᠢᠭᠤᠯᠵᠤ᠂ ᠨᠢᠭᠡ ᠪᠦᠯᠦᠭ ᠭᠢᠯᠠᠰ ᠴᠢᠭ᠋ ᠢᠨᠵᠧᠨᠧᠷᠢᠩ᠎ᠢ ᠪᠤᠶ ᠪᠣᠯᠭ᠋ᠠᠪᠠ᠃ ᠵᠢᠱ᠌ᠢᠶᠡᠯᠡᠪᠡᠯ᠄ ᠥᠪᠡᠷᠲᠡᠭᠡᠨ ᠵᠠᠰᠠᠬᠤ ᠣᠷᠣᠨ᠎ᠠᠴᠠ 1500 ᠲᠦᠮᠡᠨ ᠲᠥᠭᠥᠷᠢᠭ᠎ᠤᠨ ᠨᠥᠬᠥᠪᠥᠷᠢ ᠪᠡᠯᠡ ᠮᠥᠩᠭᠥ ᠪᠠᠭᠤᠯᠭ᠋ᠠᠨ᠂ ᠪᠤᠷᠤᠰᠢᠯᠢ ᠵᠢᠨ ᠠᠭᠤᠷᠬᠠᠶ ᠵᠢᠨ ᠣᠷᠣᠨ᠎ᠤ ᠲᠡᠦᠬᠡᠨ᠎ᠠᠴᠠ ᠪᠤᠢ ᠪᠣᠯᠤᠭᠰᠠᠨ 《ᠲᠡᠭᠷᠢ ᠵᠢᠨ ᠨᠣᠢ᠍ᠭᠡ》 ᠵᠢ ᠰᠡᠷᠭᠦᠭᠡᠨ ᠵᠠᠰᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠠᠭᠤᠴᠢᠯᠠᠭᠤᠷ᠎ᠤᠨ᠎ᠬᠢᠨ᠎ᠤ ᠥᠰᠬᠡᠨ ᠲᠥᠰᠬᠡᠨ᠎ᠲᠠᠢ ᠨᠡᠢ᠌ᠲᠡᠯᠡᠵᠦ ᠪᠠᠢ᠌ᠭᠰᠠᠨ ᠡᠰᠡᠷᠭᠦ ᠲᠠᠯ᠎ᠠ ᠵᠢᠨ ᠨᠡᠶ᠋ᠢᠲᠡᠯᠢᠭ ᠵᠢᠱ᠌ᠢᠶ᠎ᠡ ᠵᠢ ᠵᠠᠰᠠᠭ᠋ᠠᠳ ᠨᠡᠯᠢᠶᠡᠳ ᠰᠠᠢ᠍ᠢ᠍ᠨ ᠠᠮᠵᠢᠯᠲᠠ ᠪᠦᠲᠦᠮᠵᠢ᠎ᠲᠠᠢ ᠵᠥᠪ ᠲᠠᠯ᠎ᠠ ᠵᠢᠨ ᠳᠦᠷᠢ ᠳᠥᠷᠬᠦ ᠪᠣᠯᠭ᠋ᠠᠨ ᠬᠤᠪᠢᠷᠠᠭᠤᠯᠪᠠ; 1 ᠳ᠋ᠦᠩᠰᠢᠭᠤᠷ ᠲᠥᠭᠥᠷᠢᠭ᠎ᠤᠨ ᠨᠥᠬᠥᠪᠥᠷᠢ ᠪᠡᠯᠡ ᠮᠥᠩᠭᠥ ᠵᠠᠷᠤᠴᠠᠭᠤᠯᠤᠨ᠂ ᠳᠠᠯᠠᠨ ᠬᠠᠷ᠎ᠠ ᠠᠭᠤᠯᠠ ᠵᠢᠨ ᠡᠩᠭᠡᠷ ᠪᠡᠯ᠎ᠤᠨ ᠡᠯᠡᠰᠦ ᠮᠠᠯᠲᠠᠭᠰᠠᠨ ᠨᠦᠬᠡ ᠵᠢ ᠵᠠᠰᠠᠵᠦ᠂ ᠬᠤᠳᠠ ᠵᠢᠨ ᠴᠡᠴᠡᠷᠯᠢᠭ᠎ᠤᠨ ᠲᠥᠯᠥᠪᠵᠢᠭᠦᠯᠭᠡ᠎ᠲᠠᠢ ᠤᠶᠠᠯᠳᠤᠭᠤᠯᠤᠨ᠂ ᠬᠠᠴᠢᠨ ᠰᠣᠨᠢᠨ ᠦᠵᠡᠮᠵᠢ᠎ᠲᠠᠢ ᠠᠮᠢ ᠠᠬᠤᠶ ᠵᠢᠨ ᠴᠡᠴᠡᠷᠯᠢᠭ ᠪᠣᠯᠭ᠋ᠠᠨ ᠪᠦᠲᠦᠭᠡᠨ ᠪᠠᠢ᠌ᠭᠤᠯᠵᠤ᠂ ᠬᠥᠬᠡᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠠᠢ᠍ᠢ᠍ᠨ ᠦᠨᠡᠯᠡᠯᠲᠡ ᠵᠢ ᠣᠯᠪᠠ; ᠪᠤᠭᠤᠲᠤ ᠵᠢᠨ ᠠᠷᠤ ᠬᠢᠷ᠎ᠠ ᠵᠢᠨ ᠶᠡᠬᠡ ᠤᠰᠤᠨ ᠳᠣᠯᠭᠢᠶᠠᠨ᠎ᠤ ᠨᠦᠬᠡ ᠵᠢ ᠵᠠᠰᠠᠬᠤ ᠲᠦᠷᠦᠯ ᠵᠦᠢ᠍ᠯ᠎ᠳᠤ 3000 ᠲᠦᠮᠡᠨ ᠲᠥᠭᠥᠷᠢᠭ ᠣᠷᠤᠭᠤᠯᠤᠨ᠂ ᠤᠤᠯ᠎ᠤᠨ ᠠᠭᠤᠷᠬᠠᠶ ᠨᠡᠬᠡᠬᠡᠨ ᠮᠠᠯᠲᠠᠵᠤ ᠡᠪᠳᠡᠭᠰᠡᠨ ᠣᠷᠴᠢᠨ ᠲᠣᠭᠣᠷᠢᠨ᠎ᠢ ᠵᠠᠰᠠᠵᠤ᠂ ᠬᠣᠲᠠ ᠵᠢᠨ ᠪᠦ᠍ᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ᠎ᠲᠠᠢ ᠤᠶᠠᠯᠳᠤᠭᠤᠯᠤᠨ᠂ ᠬᠤᠳᠠ ᠵᠢᠨ ᠲᠣᠭᠣᠷᠢᠭ᠎ᠤᠨ ᠵᠤᠭ᠋ᠠᠴᠠᠯ ᠰᠡᠯᠡᠭᠦᠴᠡᠯ᠎ᠤᠨ ᠴᠡᠴᠡᠷᠯᠢᠭ ᠪᠣᠯᠭ᠋ᠠᠨ ᠪᠦᠲᠦᠭᠡᠨ ᠪᠠᠶ᠋ᠢᠭᠤᠯᠵᠤ᠂ ᠲᠤᠬᠠᠶ ᠵᠢᠨ ᠭᠠᠵᠠᠷ᠎ᠤᠨ ᠵᠠᠰᠠᠭ᠎ᠤᠨ ᠣᠷᠳᠣᠨ᠎ᠤ ᠲᠠᠯᠠᠷᠬᠠᠯ᠎ᠤᠨ ᠵᠠᠬᠢᠳᠠᠯ᠎ᠢ ᠣᠯᠪᠠ; ᠦᠬᠠᠶ ᠬᠤᠳᠠ ᠵᠢᠨ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠲᠤᠬᠠᠶ ᠵᠢᠨ ᠭᠠᠵᠠᠷ᠎ᠤᠨ ᠶᠡᠷᠦᠩᠬᠡᠶ ᠲᠥᠯᠥᠪᠵᠢᠭᠦᠯᠭᠡ᠎ᠲᠠᠢ ᠵᠣᠬᠢᠴᠠᠭᠤᠯᠤᠨ᠂ 5000 ᠲᠦᠮᠡᠨ ᠲᠥᠭᠥᠷᠢᠭ ᠵᠠᠷᠤᠴᠠᠭᠤᠯᠵᠤ᠂ ᠭᠠᠨᠳᠠᠷᠢ ᠭᠣᠣᠯ᠎ᠤᠨ ᠡᠯᠡᠰᠦ ᠮᠠᠯᠲᠠᠭᠰᠠᠨ ᠨᠦᠬᠡ ᠵᠢ ᠶᠡᠷᠦᠩᠬᠡᠶ᠋ᠢᠯᠡᠨ ᠵᠠᠰᠠᠵᠤ ᠪᠠᠢ᠌ᠨ᠎ᠠ᠃
      ᠸᠠᠩ ᠵᠢᠶᠸ᠄
      ᠬᠣᠶᠠᠷ᠎ᠲᠤ ᠡᠯ᠎ᠡ ᠭᠠᠵᠠᠷ᠎ᠤᠳ ᠠᠭᠤᠷᠬᠠᠶ ᠵᠢᠨ ᠣᠷᠴᠢᠨ ᠲᠣᠭᠣᠷᠢᠨ᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠪᠦᠬᠦ ᠲᠠᠯ᠎ᠠ᠎ᠪᠠᠷ ᠡᠬᠢᠯᠡᠭᠦᠯᠦᠭᠰᠡᠨ ᠪᠠᠶ᠋ᠢᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠡᠯ᠎ᠡ ᠭᠠᠵᠠᠷ᠎ᠤᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠢᠯᠠᠩᠭᠤᠶ᠎ᠠ ᠠᠭᠤᠷᠬᠠᠶ ᠵᠢᠨ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠳᠤ ᠡᠯ᠎ᠡ ᠲᠠᠯ᠎ᠠ ᠵᠢᠨ ᠬᠦᠴᠦᠨ᠎ᠢ ᠢᠳᠡᠪᠬᠢᠲᠡᠶ᠎ᠪᠠᠷ ᠲᠠᠢ᠍ᠢ᠍ᠴᠢᠯᠠᠵᠤ᠂ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠡᠷᠴᠢᠮ ᠵᠶ᠋ᠠᠨ ᠴᠢᠩᠭ᠋ᠠᠷᠠᠭᠤᠯᠪᠠ᠃ ᠪᠦᠷᠢᠨ ᠪᠤᠰᠤ ᠪᠦᠷᠢᠳᠬᠡᠯ᠎ᠢ ᠦᠨᠳᠦᠰᠦᠯᠡᠪᠡᠯ᠂ 《12·5》 ᠵᠢᠨ ᠬᠤᠭᠤᠴᠠᠭ᠋ᠠᠨ᠎ᠳᠤ᠂ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ ᠨᠡᠢ᠍ᠢ᠍ᠳᠡ 6.97 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠣᠷᠣᠭᠤᠯᠵᠤ᠂ ᠡᠯ᠎ᠡ ᠭᠠᠵᠠᠷ᠎ᠤᠨ ᠭᠣᠣᠯᠳᠠᠯᠭ᠎ᠠ᠎ᠲᠠᠢ ᠵᠠᠰᠠᠬᠤ ᠤᠷᠤᠨ᠎ᠳᠤ ᠴᠢᠭᠯᠡᠭᠦᠯᠦᠨ᠂ ᠠᠭᠤᠷᠬᠠᠶ ᠵᠢᠨ ᠣᠷᠴᠢᠨ ᠲᠤᠭᠤᠷᠢᠨ᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠥᠷᠨᠢᠭᠦᠯᠵᠦ᠂ 48.5 ᠲᠡᠭᠰᠢ ᠳᠥᠷᠪᠡᠯᠵᠢᠨ ᠺᠢᠯᠣᠮᠧᠲᠷ᠎ᠢ ᠵᠠᠰᠠᠪᠠ᠃ ᠰᠢᠯᠢ ᠵᠢᠨ ᠭᠣᠣᠯ ᠠᠶ᠋ᠢᠮᠠᠭ 2014 ᠣᠨ᠎ᠠᠴᠠ ᠡᠬᠢᠯᠡᠨ 3 ᠵᠢᠯ᠎ᠳᠤ 30 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠤᠷᠤᠭᠤᠯᠵᠤ᠂ 《ᠭᠤᠷᠪᠠᠨ ᠲᠤᠰᠬᠠᠶ ᠣᠷᠣᠨ᠎ᠤ ᠬᠣᠶᠠᠷ ᠱᠤᠭᠤᠮ》᠎ᠤᠨ ᠠᠭᠤᠷᠬᠠᠶ ᠵᠢᠨ ᠣᠷᠴᠢᠨ ᠲᠤᠭᠤᠷᠢᠨ᠎ᠢ ᠬᠠᠮᠠᠭ᠋ᠠᠯᠠᠬᠤ ᠪᠠ ᠠᠮᠢ ᠠᠬᠤᠶ ᠵᠢ ᠰᠡᠷᠭᠦᠭᠡᠨ ᠵᠠᠰᠠᠬᠤ ᠵᠢ ᠪᠡᠶᠡᠯᠡᠭᠦᠯᠬᠦ᠎ᠪᠠᠷ ᠲᠦᠯᠦᠪᠯᠡᠪᠡ᠃ 2014 ᠣᠨ  — 2015 ᠣᠨ᠎ᠳᠤ ᠪᠦᠬᠦ ᠠᠶ᠋ᠢᠮᠠᠭ114 ᠵᠠᠰᠠᠬᠤ ᠤᠷᠤᠨ᠎ᠢ ᠭᠣᠣᠯᠳᠠᠯᠭ᠎ᠠ᠎ᠲᠠᠢ ᠵᠠᠰᠠᠵᠤ᠂ ᠡᠵᠡᠨ ᠦᠭᠡᠢ ᠶᠡᠬᠡ ᠪᠠᠭ᠎ᠠ 786 ᠬᠠᠶᠠᠭᠳᠠᠮᠠᠯ ᠨᠦᠬᠡ ᠵᠢ ᠵᠠᠰᠠᠵᠤ᠂ ᠶᠡᠷᠦᠩᠬᠡᠶ ᠵᠠᠰᠠᠭᠰᠠᠨ ᠲᠠᠯᠠᠪᠠᠶ᠎ᠨᠢ 47.4 ᠲᠡᠭᠰᠢ ᠳᠥᠷᠪᠡᠯᠵᠢᠨ ᠺᠢᠯᠣᠮᠧᠲᠷ ᠬᠦᠷᠴᠦ᠂ ᠨᠡᠢ᠌ᠲᠡ 4.49 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠤᠷᠤᠭᠤᠯᠪᠠ᠃ ᠤᠯᠠᠭ᠋ᠠᠨᠴᠠᠪ ᠬᠤᠳᠠ ᠵᠠᠰᠠᠬᠤ ᠣᠷᠣᠨ ᠪᠦᠰᠡ ᠵᠢ ᠬᠡᠰᠡᠭ ᠬᠤᠪᠢᠶᠠᠨ ᠵᠠᠰᠠᠭ ᠵᠠᠬᠢᠷᠭ᠋ᠠᠨ᠎ᠤ ᠨᠢᠭᠡᠴᠡ᠎ᠳᠤ ᠳᠠᠭ᠋ᠠᠴᠢᠯᠠᠭᠤᠯᠬᠤ ᠠᠷᠭ᠎ᠠ ᠬᠡᠯᠪᠡᠷᠢ ᠵᠢ ᠠᠪᠴᠤ᠂ 1.45 ᠳ᠋ᠦ᠍ᠢ᠍ᠨᠭᠰᠢᠭᠤᠷ ᠲᠥᠭᠥᠷᠢᠭ᠎ᠤᠨ ᠪᠡᠯᠡ ᠮᠥᠩᠭᠥ ᠣᠷᠣᠭᠤᠯᠵᠤ᠂ ᠪᠦᠬᠦ ᠬᠣᠲᠠ ᠵᠢᠨ ᠠᠭᠤᠷᠬᠠᠶ ᠵᠢᠨ ᠭᠠᠵᠠᠷ᠎ᠤᠨ ᠣᠷᠴᠢᠨ ᠲᠤᠭᠤᠷᠢᠨ ᠪᠣᠯᠤᠨ ᠴᠢᠯᠠᠭᠤᠨ ᠮᠠᠲ᠋ᠧᠷᠢᠶᠠᠯ ᠪᠣᠯᠪᠠᠰᠤᠷᠠᠭᠤᠯᠬᠤ ᠦᠢ᠍ᠯᠡᠳᠪᠦᠷᠢ ᠵᠢᠨ ᠬᠠᠶᠠᠭᠳᠠᠮᠠᠯ ᠴᠢᠯᠠᠭᠤᠨ ᠮᠠᠲ᠋ᠧᠷᠢᠶᠠᠯ᠎ᠢ ᠶᠡᠷᠦᠩᠬᠡᠶ᠋ᠢᠯᠡᠨ ᠵᠠᠰᠠᠵᠤ᠂ ᠢᠯᠡᠳᠲᠡ ᠠᠮᠵᠢᠯᠲᠠ ᠤᠯᠪᠠ᠃ ᠬᠥᠯᠥᠨ ᠪᠤᠢ᠍ᠢ᠍ᠷ ᠬᠤᠳᠠ 《ᠤᠷᠢᠳᠠᠪᠠᠷ ᠪᠠᠶ᠋ᠢᠭᠤᠯᠵᠤ ᠲᠠᠷᠠᠭ᠎ᠠ᠎ᠲᠤᠨᠢ ᠨᠥᠬᠥᠪᠥᠷᠢᠯᠡᠬᠦ᠂ ᠱᠠᠩᠨᠠᠬᠤ᠎ᠪᠠᠷ ᠣᠷᠣᠭᠤᠯᠤᠯᠲᠠ ᠵᠢ ᠣᠷᠣᠯᠠᠭᠤᠯᠬᠤ》 ᠲᠦᠷᠦᠯ ᠵᠦᠢ᠍ᠯ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠬᠡᠪ ᠵᠠᠭᠪᠤᠷ᠎ᠢ ᠠᠪᠴᠤ᠂ 6000 ᠲᠦᠮᠡᠨ ᠲᠦᠬᠦᠷᠢᠭ᠎ᠤᠨ ᠪᠡᠯᠡ ᠮᠦᠩᠭᠦ ᠤᠷᠤᠭᠤᠯᠵᠤ᠂ 15 ᠲᠥᠷᠥᠯ ᠵᠦᠢ᠍ᠯ᠎ᠤᠨ ᠶᠣᠰᠣᠭ᠋ᠠᠷ᠂ 2.84 ᠲᠡᠭᠰᠢ ᠳᠥᠷᠪᠡᠯᠵᠢᠨ ᠺᠢᠯᠣᠮᠧᠲᠷ᠎ᠢ

ᠵᠠᠰᠠᠪᠠ᠃
      ᠭᠤᠷᠪᠠ᠎ᠳᠤ ᠮᠠᠯᠲᠠᠵᠤ ᠪᠠᠶ᠋ᠢᠭ᠎ᠠ ᠠᠭᠤᠷᠬᠠᠢ ᠵᠢᠨ ᠵᠠᠰᠠᠯᠲᠠ ᠮᠡᠳᠡᠭᠳᠡᠬᠦᠶ᠋ᠢᠴᠡ ᠠᠮᠵᠢᠯᠲᠠ ᠪᠦᠲᠦᠮᠵᠢ ᠤᠯᠪᠠ᠃ ᠡᠯ᠎ᠡ ᠠᠶ᠋ᠢᠮᠠᠭ ᠬᠤᠳᠠ ᠬᠤᠭᠤᠴᠠᠭ᠎ᠠ ᠬᠤᠪᠢᠶᠠᠨ ᠵᠠᠰᠠᠬᠤ ᠠᠵᠢᠯ᠎ᠢ ᠢᠳᠡᠪᠬᠢᠲᠡᠶ ᠲᠦᠯᠬᠢᠨ ᠠᠬᠢᠭᠤᠯᠵᠤ᠂ ᠠᠭᠤᠷᠬᠠᠢ ᠵᠢ ᠰᠢᠮᠳᠠᠭᠤᠯᠤᠨ ᠠᠭᠤᠷᠬᠠᠶ ᠵᠢ ᠬᠤᠭᠤᠴᠠᠭ᠎ᠠ ᠬᠤᠪᠢᠶᠠᠨ ᠵᠠᠰᠠᠬᠤ ᠲᠦᠰᠦᠯ᠎ᠢ ᠵᠤᠬᠢᠶᠠᠯᠭ᠋ᠠᠵᠤ᠂ ᠮᠠᠯᠲᠠᠵᠤ ᠪᠠᠶ᠋ᠢᠭ᠎ᠠ ᠠᠭᠤᠷᠬᠠᠶ ᠵᠢᠨ ᠵᠠᠰᠠᠬᠤ ᠬᠤᠭᠤᠴᠠᠭ᠎ᠠ ᠨᠢᠭᠡᠪᠦᠷᠢ ᠵᠢᠨ ᠵᠠᠰᠠᠬᠤ ᠬᠠᠷᠠᠯᠲᠠ ᠪᠠ ᠡᠭᠦᠷᠭᠡ᠎ᠪᠠᠨ ᠲᠤᠳᠤᠷᠬᠠᠢ᠌ᠯᠠᠭᠰᠠᠨ᠎ᠤ ᠬᠠᠮᠲᠤ ᠬᠤᠭᠤᠴᠠᠭ᠎ᠠ ᠬᠤᠪᠢᠶᠠᠨ ᠰᠢᠯᠭ᠋ᠠᠨ ᠬᠤᠷᠢᠶᠠᠬᠤ ᠠᠵᠢᠯ᠎ᠢ ᠴᠢᠩᠭ᠋ᠠᠳᠬᠠᠵᠤ᠂ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠤᠨ ᠠᠭᠤᠷᠬᠠᠶ ᠵᠢᠨ ᠭᠠᠵᠠᠷ ᠰᠢᠨᠵᠢᠯᠡᠭᠡᠨ ᠣᠷᠴᠢᠨ ᠲᠣᠭᠣᠷᠢᠨ᠎ᠤ ᠵᠠᠰᠠᠯᠲᠠ ᠮᠡᠳᠡᠭᠳᠡᠬᠦᠶ᠋ᠢᠴᠡ ᠠᠮᠵᠢᠯᠲᠠ ᠤᠯᠪᠠ᠃ ᠲᠠᠪᠤᠨ ᠵᠢᠯ᠎ᠤᠨ ᠲᠤᠷᠰᠢ᠂ ᠠᠵᠤ ᠠᠬᠤᠶ᠋ᠢᠯᠠᠯ ᠨᠡᠢ᠌ᠲᠡ 13.36 ᠳ᠋ᠦᠩᠰᠢᠭᠤᠷ ᠲᠥᠭᠥᠷᠢᠭ᠎ᠤᠨ ᠵᠠᠰᠠᠬᠤ ᠵᠠᠷᠤᠳᠠᠯ ᠤᠷᠤᠭᠤᠯᠵᠤ᠂ ᠰᠢᠯᠭ᠋ᠠᠨ ᠬᠤᠷᠢᠶᠠᠬᠤ᠎ᠪᠠᠷ ᠳᠠᠮᠵᠢᠭᠰᠠᠨ ᠵᠠᠰᠠᠯᠲᠠ ᠵᠢᠨ ᠲᠠᠯᠠᠪᠠᠢ᠎ᠨᠢ 473.31 ᠳ᠋ᠦᠩᠰᠢᠭᠤᠷ ᠲᠡᠭᠰᠢ ᠳᠥᠷᠪᠡᠯᠵᠢᠨ ᠺᠢᠯᠣᠮᠧᠲᠷ ᠪᠤᠯᠪᠠ᠃ ᠮᠠᠯᠲᠠᠵᠤ ᠪᠠᠶ᠋ᠢᠭ᠎ᠠ ᠠᠭᠤᠷᠬᠠᠶ ᠵᠢᠨ ᠵᠠᠰᠠᠭᠰᠠᠨ ᠲᠠᠯᠠᠪᠠᠢ ᠵᠢᠯ ᠳᠠᠷᠠᠭ᠋ᠠᠯᠠᠨ ᠨᠡᠮᠡᠭᠳᠡᠵᠦ᠂ 2011 ᠣᠨ᠎ᠳᠤ 50 ᠲᠡᠭᠰᠢ ᠳᠥᠷᠪᠡᠯᠵᠢᠨ ᠺᠢᠯᠣᠮᠧᠲᠷ ᠪᠠᠢ᠌ᠭᠰᠠᠨ᠎ᠠᠴᠠ ᠡᠨᠡ ᠵᠢᠯ 140 ᠲᠡᠭᠰᠢ ᠳᠥᠷᠪᠡᠯᠵᠢᠨ ᠺᠢᠯᠣᠮᠧᠲᠷ ᠪᠤᠯᠤᠨ ᠨᠡᠮᠡᠭᠳᠡᠵᠦ᠂ ᠨᠢᠭᠡ ᠪᠦᠯᠦᠭ ᠠᠵᠤ ᠠᠬᠤᠶ᠋ᠢᠯᠠᠯ᠎ᠨᠢ ᠠᠭᠤᠷᠬᠠᠶ ᠵᠢᠨ ᠣᠷᠴᠢᠨ ᠲᠣᠭᠣᠷᠢᠨ᠎ᠢ ᠵᠠᠰᠠᠬᠤ ᠲᠠᠯ᠎ᠠ᠎ᠪᠠᠷ ᠢᠳᠡᠪᠬᠢᠲᠡᠶ ᠳᠠᠭ᠋ᠠᠭᠤᠯᠬᠤ ᠦᠢ᠍ᠯᠡᠳᠦᠯ ᠦᠵᠡᠭᠦᠯᠪᠡ᠃ ᠵᠢᠱ᠌ᠢᠶᠡᠯᠡᠪᠡᠯ᠄ ᠬᠥᠯᠥᠨ ᠪᠤᠢ᠍ᠢ᠍ᠷ ᠬᠤᠳᠠ ᠵᠢᠨ ᠱᠸᠨ ᠬᠤᠸᠠ ᠳ᠋ᠠ ᠶᠠᠨ ᠪᠦᠯᠦᠭᠯᠡᠯ᠎ᠤᠨ ᠳ᠋ᠠ ᠶᠠᠨ ᠨᠡᠭᠦᠷᠡᠰᠦᠨ ᠠᠭᠤᠷᠬᠠᠶ᠂ 2003 ᠣᠨ᠎ᠠᠴᠠ ᠡᠬᠢᠯᠡᠨ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠲᠥᠷᠥᠯ ᠵᠦᠢ᠍ᠯ᠎ᠢ ᠬᠡᠷᠡᠭᠵᠢᠭᠦᠯᠵᠦ᠂ ᠨᠡᠭᠦᠷᠡᠰᠦᠨ ᠴᠢᠯᠠᠭᠤ᠎ᠪᠠᠷ᠎ᠨᠢ 144.27 ᠲᠦᠮᠡᠨ ᠲᠡᠭᠰᠢ ᠳᠥᠷᠪᠡᠯᠵᠢᠨ ᠮᠧᠲᠷ ᠡᠭᠡᠭᠦᠯᠦᠨ ᠪᠦᠭᠯᠡᠵᠡᠢ; ᠡᠪᠡᠰᠦ 5684 ᠮᠦ᠍ ᠳᠠᠷᠢᠵᠤ᠂ ᠡᠯ᠎ᠡ ᠲᠥᠷᠥᠯ᠎ᠤᠨ ᠮᠣᠳᠣ 47037 ᠰᠠᠭᠤᠷᠢ ᠰᠠᠭᠤᠯᠭ᠋ᠠᠵᠤ᠂3500 ᠮᠧᠲᠷ ᠲᠤᠤᠷ ᠬᠦᠷᠢᠶ᠎ᠡ ᠲᠠᠲᠠᠵᠤ᠂ ᠪᠠᠷᠢᠯᠭ᠎ᠠ ᠵᠢᠨ ᠪᠡᠯᠡ ᠣᠷᠣᠭᠤᠯᠤᠯᠲᠠ ᠵᠢ ᠨᠡᠢ᠌ᠲᠡ 4549.33 ᠲᠦᠮᠡᠨ ᠲᠥᠭᠥᠷᠢᠭ ᠪᠡᠶᠡᠯᠡᠭᠦᠯᠵᠡᠢ᠂   ᠡᠭᠦᠨ᠎ᠳᠤ ᠤᠯᠤᠰ᠎ᠠᠴᠠ 3635.93 ᠲᠦᠮᠡᠨ ᠲ᠋ᠥᠭᠥᠷᠢᠭ ᠨᠦᠬᠦᠪᠦᠷᠢᠯᠡᠵᠦ᠂ ᠪᠦᠯᠦᠭᠯᠡᠯ ᠺᠣᠮᠫᠠᠨᠢ 913.4 ᠲᠦᠮᠡᠨ ᠲᠥᠭᠥᠷᠢᠭ ᠢᠵᠢ ᠪᠦᠷᠢᠯᠳᠦᠭᠦᠯᠵᠦ᠂ 15.08 ᠲᠡᠭᠰᠢ ᠳᠥᠷᠪᠡᠯᠵᠢᠨ ᠺᠢᠯᠣᠮᠧᠲᠷ ᠵᠠᠰᠠᠵᠠᠢ᠃ ᠠᠵᠤ ᠠᠬᠤᠶ᠋ᠢᠯᠠᠯ᠎ᠨᠢ ᠠᠯᠬᠤᠮ ᠠᠯᠬᠤᠮ ᠵᠶ᠋ᠠᠷ ᠬᠠᠭᠤᠴᠢᠨ ᠦᠷᠢ᠎ᠪᠠᠨ ᠪᠤᠴᠠᠭ᠋ᠠᠵᠤ᠂ ᠰᠢᠨ᠎ᠡ ᠦᠷᠢ ᠭᠠᠷᠭ᠋ᠠᠬᠤ ᠦᠭᠡᠢ ᠪᠠᠢ᠌ᠵᠤ ᠬᠡᠳᠦᠨ ᠵᠢᠯ᠎ᠤᠨ ᠬᠤᠭᠤᠴᠠᠭ᠎ᠠ ᠵᠢ ᠠᠰᠢᠭᠯᠠᠨ ᠥᠩᠭᠡᠷᠡᠭᠰᠡᠨ᠎ᠤ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠦᠯᠡᠳᠡᠭᠳᠡᠯ ᠠᠰᠠᠭᠤᠳᠠᠯ᠎ᠢ ᠰᠢᠢ᠍ᠳᠪᠦᠷᠢᠯᠡᠪᠡ᠃ ᠤᠷᠳᠤᠰ ᠬᠤᠳᠠ ᠵᠢᠨ ᠱᠸᠨ ᠳ᠋ᠦᠩ ᠲᠢᠶᠠᠨ ᠯᠦᠩ ᠪᠦᠯᠦᠭᠯᠡᠯ᠎ᠤᠨ ᠡᠦ ᠵᠢᠶᠠ ᠲᠠ ᠵᠠᠳᠠᠭ᠋ᠠᠶ ᠨᠡᠭᠦᠷᠡᠰᠦᠨ ᠠᠭᠤᠷᠬᠠᠶ ᠪᠣᠬᠢᠷᠲᠤᠯ ᠦᠭᠡᠢ ᠠᠭᠤᠷᠬᠠᠶ ᠵᠢᠨ ᠪᠦᠳᠦᠭᠡᠠ ᠪᠠᠶ᠋ᠢᠭᠤᠯᠤᠯᠲᠠ ᠵᠢᠨ ᠠᠵᠢᠯ᠎ᠢ ᠯᠠᠪᠳᠠᠭᠤᠨ ᠪᠦᠲᠦᠮᠵᠢᠲᠡᠶ᠎ᠪᠠᠷ ᠥᠷᠨᠢᠭᠦᠯᠵᠦ᠂ ᠣᠳᠣᠬᠠᠨ᠎ᠳᠤ ᠭᠠᠵᠠᠷ ᠰᠢᠷᠣᠶ ᠵᠢ ᠰᠡᠷᠭᠦᠭᠡᠨ ᠬᠠᠭ᠋ᠠᠯᠪᠤᠷᠢᠯᠠᠬᠤ ᠨᠡᠢ᠌ᠲᠡ 512.4 ᠲᠦᠮᠡᠨ ᠲᠥᠭᠥᠷᠢᠭ᠎ᠤᠨ ᠪᠡᠯᠡ ᠮᠥᠩᠭᠥ ᠤᠷᠤᠭᠤᠯᠵᠤ᠂ 66.56 ᠾᠧᠺᠲ᠋ᠠᠷ ᠭᠠᠵᠠᠷ ᠰᠢᠷᠣᠶ ᠵᠢ ᠰᠡᠷᠭᠦᠭᠡᠨ ᠬᠠᠭ᠋ᠠᠯᠪᠤᠷᠢᠯᠠᠵᠤ᠂ ᠭᠠᠵᠠᠷ ᠰᠢᠷᠣᠶ ᠵᠢᠨ ᠰᠡᠷᠭᠦᠭᠡᠨ ᠬᠠᠭ᠋ᠠᠯᠪᠤᠷᠢᠯᠠᠭᠰᠠᠨ ᠨᠣᠷᠮ᠎ᠠ᠎ᠨᠢ 95% ᠪᠤᠯᠵᠠᠢ᠃ ᠠᠭᠤᠷᠬᠠᠶ ᠵᠢᠨ ᠠᠵᠤ ᠠᠬᠤᠶ᠋ᠢᠯᠠᠯ᠎ᠨᠢ ᠠᠭᠤᠷᠬᠠᠶ ᠵᠢᠨ ᠣᠷᠣᠨ᠎ᠤ ᠶᠡᠬᠡ ᠲᠠᠯᠠᠪᠠᠢ᠎ᠪᠠᠷ ᠰᠢᠷᠣᠶ ᠭᠠᠳᠠᠭᠰᠢᠯᠠᠭᠤᠯᠬᠤ ᠲᠠᠪᠴᠠᠩ᠎ᠳᠤ ᠴᠢᠭᠯᠡᠭᠦᠯᠦᠨ᠂ ᠬᠦᠷᠦᠰᠦ ᠵᠢᠨ ᠡᠬᠢ ᠪᠠᠶᠠᠯᠢᠭ᠎ᠠᠴᠠ ᠵᠠᠳᠠᠭ᠋ᠠᠶ ᠮᠠᠯᠲᠠᠬᠤ᠎ᠳᠠᠭᠠᠨ ᠰᠠᠯᠭ᠋ᠠᠬᠤ ᠵᠢ ᠭᠦᠢ᠍ᠴᠡᠳ ᠠᠰᠢᠭᠯᠠᠵᠤ᠂ ᠲᠠᠪᠴᠠᠩ ᠵᠢᠨ ᠳᠡᠭᠡᠷ᠎ᠡ᠎ᠪᠠᠨ ᠲᠡᠵᠢᠭᠡᠵᠦ ᠦᠷᠡᠵᠢᠭᠦᠯᠬᠦ ᠦᠢ᠍ᠯᠡᠰ᠎ᠢ ᠬᠦᠭᠵᠢᠭᠦᠯᠪᠡ᠃
      ᠸᠠᠩ ᠵᠢᠶᠸ᠄
      ᠭᠠᠵᠠᠷ ᠰᠢᠨᠵᠢᠯᠡᠭᠡᠨ᠎ᠤ ᠦᠯᠡᠳᠡᠭᠳᠡᠯ᠎ᠢ ᠬᠠᠮᠠᠭ᠋ᠠᠯᠠᠬᠤ ᠪᠠ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢᠨ ᠲᠠᠯ᠎ᠠ᠎ᠪᠠᠷ 《12·5》 ᠵᠢᠨ ᠬᠤᠭᠤᠴᠠᠭ᠋ᠠᠨ᠎ᠳᠤ᠂ ᠪᠦᠬᠦ ᠣᠷᠣᠨ᠎ᠤ 17 ᠭᠠᠵᠠᠷ᠎ᠤᠨ ᠭᠠᠵᠠᠷ ᠰᠢᠨᠵᠢᠯᠡᠭᠡᠨ᠎ᠤ ᠦᠯᠡᠳᠡᠭᠳᠡᠯ᠎ᠤᠨ ᠬᠠᠮᠠᠭ᠋ᠠᠯᠠᠯᠲᠠ ᠵᠢᠨ ᠣᠷᠣᠨ ᠪᠠ 20 ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠭᠠᠵᠠᠷ ᠰᠢᠨᠵᠢᠯᠡᠭᠡᠨ᠎ᠤ ᠦᠯᠡᠳᠡᠭᠳᠡᠯ᠎ᠢ ᠪᠦᠲᠦᠮᠵᠢᠲᠡᠢ᠎ᠪᠠᠷ ᠬᠠᠮᠠᠭ᠋ᠠᠯᠠᠵᠤ᠂ ᠨᠡᠶ᠋ᠢᠲᠡ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ 2᠎ᠢ ᠪᠠᠢ᠌ᠭᠤᠯᠵᠤ᠂ 1 ᠵᠢ ᠶᠠᠭ ᠮᠡᠳᠡᠭᠦᠯᠦᠭᠰᠡᠨ ᠪᠠᠢ᠌ᠬᠤ ᠪᠠ ᠤᠯᠤᠰ᠎ᠤᠨ ᠭᠠᠵᠠᠷ ᠰᠢᠨᠵᠢᠯᠡᠭᠡᠨ᠎ᠤ ᠴᠡᠴᠡᠷᠯᠢᠭ 6᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠭᠠᠵᠠᠷ ᠰᠢᠨᠵᠢᠯᠡᠭᠡᠨ᠎ᠤ ᠴᠡᠴᠡᠷᠯᠢᠭ 12᠎ᠢ ᠪᠠᠢ᠌ᠭᠤᠯᠵᠤ᠂ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢ ᠶᠡᠬᠡᠪᠡᠷ ᠬᠦᠭᠵᠢᠭᠦᠯᠪᠡ᠃ ᠡᠭᠦᠨ᠎ᠤ ᠵᠡᠷᠭᠡᠴᠡᠭᠡᠪᠡᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠲᠤᠰᠬᠠᠶ ᠮᠡᠷᠭᠡᠵᠢᠯᠲᠡᠨ᠎ᠤ ᠺᠣᠮᠢᠰ᠎ᠢ ᠪᠠᠶ᠋ᠢᠭᠤᠯᠵᠤ᠂ 《ᠤᠯᠤᠰ᠎ᠤᠨ ᠲᠡᠰ᠎ᠤᠨ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ ᠲᠥᠪᠯᠡᠷᠡᠨ ᠭᠠᠷᠳᠠᠬ ᠭᠠᠵᠠᠷ》᠎ᠢ ᠮᠠᠭ᠋ᠠᠳᠯᠠᠨ ᠲᠣᠭᠲᠠᠭ᠋ᠠᠬᠤ ᠪᠠ 《ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠢ ᠬᠤᠷᠢᠶᠠᠨ ᠬᠠᠳᠠᠭ᠋ᠠᠯᠠᠬᠤ ᠨᠢᠭᠡᠴᠡ ᠵᠢᠨ ᠳᠡᠰ ᠲᠤᠭᠲᠠᠭ᠋ᠠᠬᠤ》 ᠶᠠᠪᠤᠳᠠᠯ᠎ᠢ ᠡᠬᠢᠯᠡᠭᠦᠯᠵᠦ᠂ ᠪᠦᠬᠦ ᠣᠷᠣᠨ᠎ᠤ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠢ ᠪᠠᠶ᠋ᠢᠴᠠᠭ᠋ᠠᠨ ᠳᠠᠩᠰᠠᠯᠠᠵᠤ ᠦᠨᠡᠯᠡᠬᠦ ᠪᠠ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠦᠯᠢᠭᠡᠷ ᠬᠡᠪ᠎ᠤᠨ ᠳᠠᠩᠰᠠ ᠡᠪᠬᠡᠮᠡᠯ ᠪᠠᠶ᠋ᠢᠭᠤᠯᠬᠤ ᠵᠡᠷᠭᠡ ᠠᠵᠢᠯ᠎ᠢ ᠦᠨᠳᠦᠰᠦᠨ᠎ᠳᠡᠭᠡᠨ ᠪᠡᠶᠡᠯᠡᠭᠦᠯᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠬᠠᠮᠠᠭ᠋ᠠᠯᠠᠯᠲᠠ ᠵᠢᠨ ᠲᠥᠯᠥᠪᠵᠢᠭᠦᠯᠭᠡ᠂ ᠪᠦᠬᠦ ᠣᠷᠣᠨ᠎ᠤ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠤᠳᠤᠬᠢ ᠪᠠᠶ᠋ᠢᠳᠠᠯ᠎ᠤᠨ ᠲᠤᠬᠠᠶ ᠪᠠᠶ᠋ᠢᠴᠠᠭ᠋ᠠᠯᠲᠠ᠂ ᠪᠦᠬᠦ ᠣᠷᠣᠨ᠎ᠤ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠵᠡᠷᠭᠡ ᠠᠵᠢᠯ᠎ᠢ ᠪᠡᠶᠡᠯᠡᠭᠦᠯᠪᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠡᠬᠡ ᠬᠢᠩᠭ᠋ᠠᠨ ᠳᠠᠪᠠᠭ᠋ᠠᠨ᠎ᠤ ᠭᠠᠵᠠᠷ ᠰᠢᠨᠵᠢᠯᠡᠭᠡᠨ᠎ᠤ ᠭᠠᠮᠰᠢᠭ ᠠᠮᠠᠷᠬᠠᠨ ᠡᠭᠦᠰᠳᠡᠭ ᠤᠷᠤᠨ᠎ᠤ ᠭᠠᠵᠠᠷ ᠰᠢᠨᠵᠢᠯᠡᠭᠡᠨ᠎ᠤ ᠣᠷᠴᠢᠨ ᠲᠤᠭᠤᠷᠢᠨ᠎ᠤ ᠪᠠᠶ᠋ᠢᠴᠠᠭ᠋ᠠᠯᠲᠠ (ᠭᠠᠵᠠᠷ ᠰᠢᠨᠵᠢᠯᠡᠭᠡᠨ᠎ᠤ ᠦᠯᠡᠳᠡᠭᠳᠡᠯ ᠬᠡᠰᠡᠭ)》 ᠵᠢ ᠪᠡᠶᠡᠯᠡᠭᠦᠯᠪᠡ᠃ ᠤᠳᠤ ᠶᠠᠭ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠤ ᠦᠯᠡᠳᠡᠭᠳᠡᠯ᠎ᠢ ᠬᠠᠮᠠᠭ᠋ᠠᠯᠠᠬᠤ ᠲᠥᠯᠥᠪᠵᠢᠭᠦᠯᠭᠡ (2016-2020 ᠤᠨ)》᠂ 《ᠤᠮᠠᠷᠠᠲᠤ ᠣᠷᠣᠨ᠎ᠤ ᠭᠠᠵᠠᠷ ᠰᠢᠨᠵᠢᠯᠡᠭᠡᠨ᠎ᠤ ᠦᠯᠡᠳᠡᠭᠳᠡᠯ᠎ᠤᠨ ᠪᠠᠶ᠋ᠢᠴᠠᠭ᠋ᠠᠯᠲᠠ (ᠥᠪᠥᠷ ᠮᠣᠩᠭᠣᠯ᠎ᠤᠨ ᠬᠡᠰᠡᠭ)》 ᠵᠢᠨ ᠠᠵᠢᠯ᠎ᠢ ᠶᠠᠭ ᠶᠠᠪᠤᠭᠳᠠᠭᠤᠯᠵᠤ ᠪᠠᠢ᠌ᠨ᠎ᠠ᠃ 2015 ᠣᠨ᠎ᠳᠤ ᠷᠠᠰᠢᠶᠠᠨ᠎ᠤ ᠤᠯᠤᠰ᠎ᠤᠨ ᠭᠠᠵᠠᠷ ᠰᠢᠨᠵᠢᠯᠡᠭᠡᠨ᠎ᠤ ᠴᠡᠴᠡᠷᠯᠢᠭ᠎ᠢ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ ᠵᠶ᠋ᠠᠷ ᠭᠤᠶᠤᠴᠢᠯᠠᠨ ᠮᠡᠳᠡᠭᠦᠯᠬᠦ ᠠᠵᠢᠯ᠎ᠢ ᠭᠣᠣᠯᠳᠠᠯᠭ᠎ᠠ᠎ᠲᠠᠢ ᠲᠦᠯᠬᠢᠨ ᠠᠬᠢᠭᠤᠯᠵᠤ᠂ ᠣᠳᠣᠬᠠᠨ᠎ᠳᠤ ᠮᠡᠳᠡᠭᠦᠯᠦᠯᠲᠡ ᠵᠢᠨ ᠮᠠᠲᠸᠷᠢᠶᠠᠯ᠎ᠢ ᠨᠢᠭᠡᠨᠲᠡ ᠣᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ᠎ᠤᠨ ᠵᠣᠬᠢᠶᠠᠨ ᠪᠠᠶ᠋ᠢᠭᠤᠯᠤᠯᠲᠠ᠎ᠳᠤ ᠮᠡᠳᠡᠭᠦᠯᠦᠭᠡᠳ᠂ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠢ ᠡᠭᠦᠳᠦᠨ ᠪᠠᠶ᠋ᠢᠭᠤᠯᠬᠤ ᠡᠯ᠎ᠡ ᠵᠦᠢ᠍ᠯ᠎ᠤᠨ ᠠᠵᠢᠯ ᠶᠠᠭ ᠰᠠᠶ᠋ᠢᠬᠠᠨ ᠡᠮᠬᠢ ᠵᠢᠷᠤᠮ᠎ᠲᠠᠢ ᠶᠠᠪᠤᠭᠳᠠᠵᠤ ᠪᠠᠢ᠌ᠨ᠎ᠠ᠃
      ᠭᠠᠵᠠᠷ ᠰᠢᠨᠵᠢᠯᠡᠭᠡᠨ᠎ᠤ ᠭᠠᠶ ᠭᠠᠮᠰᠢᠭ᠎ᠢ ᠰᠡᠷᠭᠡᠶ᠋ᠢᠯᠡᠨ ᠵᠠᠰᠠᠬᠤ ᠠᠵᠢᠯ᠎ᠤᠨ ᠲᠠᠯ᠎ᠠ᠎ᠪᠠᠷ᠃ 《12·5》 ᠵᠢᠨ ᠲᠦᠯᠦᠪᠵᠢᠬᠦᠯᠭᠡ ᠵᠢᠨ ᠬᠤᠭᠤᠴᠠᠭ᠋ᠠᠨ᠎ᠳᠤ᠂ ᠪᠥᠬᠥ ᠣᠷᠣᠨ᠎ᠤ ᠡᠯ᠎ᠡ ᠭᠠᠵᠠᠷ᠎ᠤᠳ ᠭᠠᠵᠠᠷ ᠰᠢᠨᠵᠢᠯᠡᠭᠡᠨ᠎ᠤ ᠭᠠᠶ ᠭᠠᠮᠰᠢᠭ᠎ᠢ ᠪᠠᠶ᠋ᠢᠴᠠᠭ᠋ᠠᠨ ᠦᠨᠡᠯᠡᠬᠦ ᠰᠢᠰᠲᠸᠮᠵᠢ᠂ ᠣᠯᠠᠨ ᠵᠶ᠋ᠠᠷ ᠵᠶ᠋ᠠᠨ ᠬᠡᠮᠵᠢᠵᠦ ᠣᠯᠠᠨ ᠵᠶ᠋ᠠᠷ ᠵᠶ᠋ᠠᠨ ᠰᠡᠷᠭᠡᠶ᠋ᠢᠯᠡᠬᠦ ᠰᠢᠰᠲᠸᠮᠵᠢ ᠪᠣᠯᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲᠸᠮᠵᠢ ᠵᠢ ᠪᠠᠢ᠌ᠭᠤᠯᠤᠨ ᠲᠡᠭᠦᠯᠳᠡᠷᠵᠢᠭᠦᠯᠵᠦ᠂ 《ᠭᠠᠵᠠᠷ ᠰᠢᠨᠵᠢᠯᠡᠭᠡᠨ᠎ᠤ ᠭᠠᠶ ᠭᠠᠮᠰᠢᠭ᠎ᠢ ᠰᠡᠷᠭᠡᠶ᠋ᠢᠯᠡᠨ ᠵᠠᠰᠠᠬᠤ ᠠᠷᠪᠠᠨ ᠰᠢᠶᠠᠨ》 10 ᠪᠠ 《ᠥᠨᠳᠥᠷ ᠪᠠᠷᠢᠮᠵᠢᠶᠠᠲᠤ ᠰᠡᠷᠭᠡᠶ᠋ᠢᠯᠡᠨ ᠵᠠᠰᠠᠬᠤ ᠠᠷᠪᠠᠨ ᠰᠢᠶᠠᠨ》 15 ᠵᠢ ᠪᠠᠢ᠌ᠭᠤᠯᠪᠠ᠃ ᠥᠪᠡᠷᠲᠡᠭᠡᠨ ᠵᠠᠰᠠᠬᠤ ᠣᠷᠣᠨ 1380 ᠲᠦᠮᠡᠨ ᠲᠥᠭᠥᠷᠢᠭ ᠤᠷᠤᠭᠤᠯᠤᠨ ᠲᠤᠰᠬᠠᠢ᠌ᠯᠠᠨ ᠪᠠᠶ᠋ᠢᠴᠠᠭ᠋ᠠᠯᠲᠠ᠎ᠪᠠᠷ ᠭᠣᠣᠯ ᠪᠣᠯᠭ᠋ᠠᠵᠤ᠂ ᠵᠢᠭᠰᠠᠭ᠋ᠠᠨ ᠪᠠᠢ᠌ᠴᠠᠭ᠋ᠠᠬᠤ᠂ ᠬᠠᠷᠭᠤᠭᠤᠯᠤᠨ ᠪᠠᠶ᠋ᠢᠴᠠᠭ᠋ᠠᠬᠤ᠂ ᠳᠠᠪᠲᠠᠨ ᠪᠠᠶ᠋ᠢᠴᠠᠭ᠋ᠠᠬᠤ᠎ᠪᠠᠷ ᠬᠠᠪᠰᠤᠷᠤᠮᠵᠢ ᠪᠤᠯᠭ᠋ᠠᠭᠰᠠᠨ ᠭᠠᠵᠠᠷ ᠰᠢᠨᠵᠢᠯᠡᠭᠡᠨ᠎ᠤ ᠭᠠᠮᠰᠢᠭ᠎ᠤᠨ ᠬᠥᠳᠡᠯᠦᠩᠭᠦᠶ ᠪᠠᠶ᠋ᠢᠳᠠᠯ᠎ᠤᠨ ᠪᠠᠢ᠌ᠴᠠᠭ᠋ᠠᠵᠤ ᠦᠨᠡᠯᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠰᠢᠰᠲᠸᠮᠵᠢ ᠵᠢ ᠪᠠᠢ᠌ᠭᠤᠯᠬᠤ᠎ᠳᠤ ᠬᠡᠷᠡᠭᠯᠡᠵᠤ᠂ 17 ᠬᠣᠰᠢᠭᠤ ᠰᠢᠶᠠᠨ ᠬᠣᠲᠠ ᠲᠣᠭᠣᠷᠢᠭ ᠶᠡᠬᠡ ᠬᠢᠩᠭ᠋ᠠᠨ ᠳᠠᠪᠠᠭ᠋ᠠᠨ᠎ᠤ ᠡᠮᠦᠨ᠎ᠡ ᠬᠡᠰᠡᠭ ᠪᠠ ᠮᠤᠨᠢ ᠠᠭᠤᠯᠠ ᠵᠢᠨ ᠠᠭᠤᠯᠠᠷᠬᠠᠭ ᠭᠠᠵᠠᠷ᠎ᠤᠨ 1᠄ 5 ᠲᠦᠮᠡᠨ ᠭᠠᠵᠠᠷ   ᠰᠢᠨᠵᠢᠯᠡᠭᠡᠨ᠎ᠤ ᠭᠠᠶ ᠭᠠᠮᠰᠢᠭ ᠠᠮᠠᠷᠬᠠᠨ ᠡᠭᠦᠰᠳᠡᠭ ᠣᠷᠣᠨ᠎ᠤ 16.35 ᠲᠦᠮᠡᠨ ᠲᠡᠭᠰᠢ ᠳᠥᠷᠪᠡᠯᠵᠢᠨ ᠺᠢᠯᠣᠮᠧᠲᠷ᠎ᠢ ᠪᠠᠢ᠌ᠴᠠᠭ᠋ᠠᠪᠠ᠃ ᠭᠠᠵᠠᠷ ᠰᠢᠨᠵᠢᠯᠡᠭᠡᠨ᠎ᠤ ᠭᠠᠶ ᠭᠠᠮᠰᠢᠭ᠎ᠢ ᠰᠡᠷᠭᠡᠶ᠋ᠢᠯᠡᠨ ᠵᠠᠰᠠᠬᠤ ᠠᠶᠤᠯ᠎ᠠᠴᠠ ᠵᠠᠢ᠌ᠯᠠᠭᠤᠯᠬᠤ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠪᠣᠯᠪᠠᠰᠤᠷᠠᠯ᠎ᠢ 5 ᠤᠳᠠᠭ᠎ᠠ ᠥᠷᠨᠢᠭᠦᠯᠵᠦ᠂ ᠭᠡᠨᠡᠳᠲᠡ ᠵᠢᠨ ᠴᠢᠨᠠᠷᠲᠠᠶ ᠭᠠᠵᠠᠷ ᠰᠢᠨᠵᠢᠯᠡᠭᠡᠨ᠎ᠤ ᠭᠠᠶ ᠭᠠᠮᠰᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠭᠠᠵᠠᠷ ᠰᠢᠨᠵᠢᠯᠡᠭᠡᠨ᠎ᠤ ᠭᠠᠶ ᠭᠠᠮᠰᠢᠭ᠎ᠢ ᠰᠡᠷᠭᠡᠶ᠋ᠢᠯᠡᠨ ᠵᠠᠰᠠᠬᠤ ᠴᠠᠭ ᠠᠭᠤᠷ᠎ᠤᠨ ᠤᠷᠢᠳᠴᠢᠯᠠᠭᠰᠠᠨ ᠲᠤᠬᠢᠶ᠎ᠠ ᠮᠡᠳᠡᠭᠡ ᠵᠢ 101 ᠤᠳᠠᠭ᠎ᠠ ᠨᠡᠶ᠋ᠢᠲᠡᠯᠡᠵᠦ᠂ ᠭᠠᠵᠠᠷ ᠰᠢᠨᠵᠢᠯᠡᠭᠡᠨ᠎ᠤ ᠭᠠᠶ ᠭᠠᠮᠰᠢᠭ᠎ᠢ 2 ᠤᠳᠠᠭ᠎ᠠ ᠠᠮᠵᠢᠯᠲᠠ᠎ᠲᠠᠢ᠎ᠪᠠᠷ ᠤᠷᠢᠳᠴᠢᠯᠠᠨ ᠮᠡᠳᠡᠭᠡᠯᠡᠵᠤ  ᠂ 600 ᠭᠠᠷᠤᠶ ᠲᠦᠮᠡᠨ ᠲᠥᠭᠥᠷᠢᠭ᠎ᠤᠨ ᠠᠵᠤ ᠠᠬᠤᠶ ᠵᠢᠨ ᠬᠣᠬᠢᠷᠠᠯ᠎ᠠᠴᠠ ᠵᠠᠢ᠌ᠯᠠᠭᠤᠯᠪᠠ᠃ ᠤᠯᠤᠰ᠎ᠤᠨ ᠭᠠᠵᠠᠷ ᠰᠢᠨᠵᠢᠯᠡᠭᠡᠨ᠎ᠤ ᠭᠠᠶ ᠭᠠᠮᠰᠢᠭ᠎ᠢ ᠰᠡᠷᠭᠡᠶ᠋ᠢᠯᠡᠨ ᠵᠠᠰᠠᠬᠤ ᠪᠡᠯᠡ ᠮᠥᠩᠭᠥ ᠵᠢ 10199 ᠲᠦᠮᠡᠨ ᠲᠦᠭᠦᠷᠢᠭ᠎ᠢ ᠤᠯᠭᠤᠭᠰᠠᠨ ᠪᠠ ᠨᠠᠢ᠌ᠳᠠᠪᠤᠷᠢᠵᠢᠭᠤᠯᠵᠤ᠂ ᠭᠠᠵᠠᠷ   ᠰᠢᠨᠵᠢᠯᠡᠭᠡᠨ᠎ᠤ ᠭᠠᠢ ᠭᠠᠮᠰᠢᠭ᠎ᠤᠨ ᠪᠠᠷᠢᠯᠭ᠎ᠠ ᠵᠢ ᠵᠠᠰᠠᠬᠤ ᠪᠠ ᠭᠠᠵᠠᠷ ᠰᠢᠨᠵᠢᠯᠡᠭᠡᠨ᠎ᠤ ᠭᠠᠶ ᠭᠠᠮᠰᠢᠭ ᠠᠮᠠᠷᠬᠠᠨ ᠡᠭᠦᠰᠳᠡᠭ ᠣᠷᠣᠨ᠎ᠢ ᠪᠠᠢ᠌ᠴᠠᠭ᠋ᠠᠪᠠ᠃ 955 ᠲᠦᠮᠡᠨ ᠲᠥᠭᠥᠷᠢᠭ ᠵᠠᠷᠤᠴᠠᠭᠤᠯᠵᠤ ᠪᠠᠴᠢᠮ ᠪᠠᠶ᠋ᠢᠳᠠᠯ᠎ᠢ ᠠᠷᠭ᠋ᠠᠴᠠᠬᠤ ᠪᠠᠶ᠋ᠢᠴᠠᠭ᠋ᠠᠬᠤ ᠪᠡᠯᠡᠳᠭᠡᠮᠵᠢ ᠬᠤᠳᠠᠯᠳᠤᠨ ᠠᠪᠤᠭᠰᠠᠨ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠲᠠᠪᠴᠠᠩ ᠪᠠᠢ᠌ᠭᠤᠯᠵᠤ᠂ ᠭᠠᠵᠠᠷ ᠰᠢᠨᠵᠢᠯᠡᠭᠡᠨ᠎ᠤ ᠭᠠᠢ ᠭᠠᠮᠰᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠠᠶ᠋ᠢᠴᠠᠭ᠋ᠠᠯᠲᠠ ᠵᠢ 12 ᠤᠳᠠᠭ᠎ᠠ ᠬᠢᠪᠡ᠃ 3301 ᠲᠦᠮᠡᠨ ᠲᠥᠭᠥᠷᠢᠭ ᠵᠠᠷᠤᠴᠠᠭᠤᠯᠵᠤ ᠪᠥᠬᠥ ᠣᠷᠣᠨ᠎ᠤ 7 ᠭᠤᠤᠯ ᠬᠤᠲᠠ ᠵᠢᠨ ᠭᠠᠵᠠᠷ ᠳᠣᠣᠷᠠᠬᠢ ᠤᠰᠤ ᠵᠢ ᠬᠢᠨᠠᠨ ᠬᠡᠮᠵᠢᠬᠦ ᠠᠵᠢᠯ ᠦᠷᠨᠢᠬᠦᠯᠵᠤ᠂ 4293 ᠲᠡᠭᠰᠢ ᠳᠥᠷᠪᠡᠯᠵᠢᠨ ᠺᠢᠯᠣᠮᠧᠲᠷ ᠲᠠᠯᠠᠪᠠᠢ ᠵᠢ ᠬᠢᠨᠠᠨ ᠬᠡᠮᠵᠢᠪᠡ᠃
      ᠬᠥᠲᠥᠯᠥᠭᠴᠢ᠄
      ᠸᠠᠩ ᠲᠢᠩᠬᠢᠮ᠎ᠤᠨ ᠳᠠᠷᠤᠭ᠎ᠠ ᠡ᠂ 《12·5》 ᠵᠢᠨ ᠲᠦᠯᠦᠪᠵᠢᠬᠦᠯᠭᠡ ᠵᠢᠨ ᠬᠤᠭᠤᠴᠠᠭ᠋ᠠᠨ᠎ᠳᠤ ᠮᠠᠨ᠎ᠤ ᠣᠷᠣᠨ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ᠎ᠳᠤ ᠶᠠᠮᠠᠷ ᠶᠠᠮᠠᠷ ᠭᠣᠣᠯ ᠠᠷᠭ᠎ᠠ ᠬᠡᠮᠵᠢᠶ᠎ᠡ ᠠᠪᠤᠭᠰᠠᠨ ᠪᠤᠢ?
      ᠸᠠᠩ ᠵᠢᠶᠸ᠄
ᠨᠢᠭᠡ᠎ᠳᠤ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠬᠠᠤᠯᠢ ᠲᠣᠭᠲᠠᠭ᠋ᠠᠯ᠎ᠢ ᠲᠠᠰᠤᠷᠠᠯᠲᠠ ᠦᠭᠡᠢ ᠪᠦᠷᠢᠨᠰᠢᠭᠦᠯᠪᠡ᠃ 2008 ᠣᠨ᠎ᠳᠤ ᠨᠡᠶ᠋ᠢᠲᠡᠯᠡᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷᠬᠠᠶ ᠵᠢᠨ ᠭᠠᠵᠠᠷ ᠵᠦᠢ ᠵᠢᠨ ᠣᠷᠴᠢᠨ ᠲᠣᠭᠣᠷᠢᠨ᠎ᠢ ᠵᠠᠰᠠᠬᠤ ᠪᠠᠲᠤᠯᠠᠭ᠎ᠠ ᠵᠢᠨ ᠮᠥᠩᠭᠥ ᠵᠢᠨ ᠬᠠᠮᠢᠶᠠᠷᠤᠯᠲᠠ ᠵᠢᠨ ᠠᠷᠭ᠎ᠠ》᠎ᠳᠤ 2013 ᠣᠨ᠎ᠳᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠵᠶ᠋ᠠᠷ ᠵᠠᠰᠠᠪᠤᠷᠢ ᠤᠷᠤᠭᠤᠯᠤᠭᠰᠠᠨ ᠰᠠᠭᠤᠷᠢᠨ ᠳᠡᠭᠡᠷ᠎ᠡ᠂ ᠮᠠᠨ᠎ᠤ ᠣᠷᠣᠨ᠎ᠤ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ ᠰᠢᠨ᠎ᠡ ᠱᠠᠭ᠋ᠠᠷᠳᠠᠯᠭ᠎ᠠ᠎ᠳᠤ ᠵᠤᠬᠢᠴᠠᠭᠤᠯᠵᠤ᠂ ᠤᠤᠯ᠎ᠤᠨ ᠪᠠᠲᠤᠯᠠᠭ᠎ᠠ ᠵᠢᠨ ᠮᠥᠩᠭᠥ ᠵᠢᠨ ᠲᠥᠷᠢᠮ᠎ᠳᠤ ᠣᠷᠣᠰᠢᠵᠤ ᠪᠠᠶ᠋ᠢᠭ᠎ᠠ ᠬᠦᠷᠦᠯᠴᠡᠬᠦ ᠦᠭᠡᠢ ᠲᠠᠯ᠎ᠠ ᠵᠢ ᠰᠢᠢ᠍ᠳᠪᠦᠷᠢᠯᠡᠬᠦ᠎ᠳᠤ᠂ ᠳᠡᠭᠡᠳᠦ ᠪᠠᠶ᠋ᠢᠷᠢ ᠵᠢᠨ ᠬᠠᠤᠯᠢ ᠳᠤᠲᠠᠭᠳᠠᠵᠤ ᠪᠠᠶ᠋ᠢᠭ᠎ᠠ ᠨᠥᠬᠥᠴᠡᠯ ᠳᠣᠣᠷ᠎ᠠ  ᠂ 2015 ᠣᠨ᠎ᠳᠤ ᠪᠠᠰᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠠᠷᠭ᠎ᠠ》 ᠵᠢ ᠲᠤᠭᠲᠠᠭ᠋ᠠᠵᠤ᠂ 3 ᠳ᠋ᠤᠭ᠋ᠠᠷ ᠰᠠᠷ᠎ᠠ ᠵᠢᠨ 27᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠵᠠᠷᠯᠢᠭ᠎ᠤᠨ ᠬᠡᠯᠪᠡᠷᠢ᠎ᠪᠠᠷ ᠨᠡᠶ᠋ᠢᠲᠡᠯᠡᠨ ᠬᠡᠷᠡᠭᠵᠢᠬᠦᠯᠪᠡ᠂ ᠡᠨᠡ ᠪᠣᠯ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠲᠤᠬᠠᠶ ᠪᠦᠬᠦ ᠤᠯᠤᠰ᠎ᠤᠨ ᠠᠩᠬᠠᠳᠠᠭᠴᠢ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠦᠷᠢᠮ ᠲᠣᠭᠲᠠᠭ᠋ᠠᠯ ᠪᠤᠯᠬᠤ ᠪᠦᠭᠡᠳ ᠪᠠᠲᠤᠯᠠᠭ᠎ᠠ ᠵᠢᠨ ᠮᠥᠩᠭᠥ ᠵᠢᠨ ᠲᠥᠷᠢᠮ ᠵᠢᠴᠢ ᠠᠭᠤᠷᠬᠠᠶ ᠵᠢᠨ ᠣᠷᠴᠢᠨ ᠲᠣᠭᠣᠷᠢᠨ᠎ᠢ ᠵᠠᠰᠠᠬᠤ ᠠᠵᠢᠯ᠎ᠤᠨ ᠬᠠᠤᠯᠢ ᠴᠠᠭ᠋ᠠᠵᠠ ᠵᠢᠨ ᠪᠠᠶ᠋ᠢᠷᠢ ᠰᠠᠭᠤᠷᠢ ᠵᠢ ᠳᠡᠭᠡᠭᠰᠢᠯᠡᠭᠦᠯᠪᠡ᠃ ᠡᠨᠡᠬᠦ ᠠᠷᠭ᠎ᠠ᠎ᠨᠢ᠂ ᠨᠢᠭᠡ᠎ᠳᠤ ᠤᠤᠯ᠎ᠤᠨ ᠳᠠᠩ ᠭᠠᠭᠴᠠ ᠪᠠᠲᠤᠯᠠᠭ᠎ᠠ ᠵᠢᠨ ᠬᠠᠮᠢᠶᠠᠷᠤᠯᠲᠠ ᠵᠢᠨ ᠠᠷᠭ᠎ᠠ ᠵᠢ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠠᠷᠭ᠎ᠠ ᠪᠤᠯᠭ᠋ᠠᠨ ᠦᠷᠭᠡᠳᠭᠡᠵᠤ᠂ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠠᠵᠢᠯ᠎ᠤᠨ ᠠᠭᠤᠯᠭ᠎ᠠ ᠵᠢ ᠠᠭᠤᠷᠬᠠᠶ ᠵᠢᠨ ᠭᠠᠵᠠᠷ ᠵᠦᠢ ᠵᠢᠨ ᠣᠷᠴᠢᠨ ᠲᠣᠭᠣᠷᠢᠨ᠎ᠢ ᠰᠡᠷᠭᠦᠭᠡᠨ ᠵᠠᠰᠠᠬᠤ ᠪᠠ ᠠᠭᠤᠷᠬᠠᠶ ᠵᠢᠨ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ ᠠᠵᠢᠯ ᠪᠤᠯᠭ᠋ᠠᠨ ᠦᠷᠭᠡᠳᠭᠡᠵᠤ᠂ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠲᠥᠰᠦᠯ᠂ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ ᠲᠥᠰᠦᠯ ᠵᠢᠴᠢ ᠭᠠᠵᠠᠷ ᠵᠦᠢ ᠵᠢᠨ ᠭᠠᠮᠰᠢᠭ᠎ᠢ ᠦᠨᠡᠯᠡᠨ ᠵᠢᠱ᠌ᠢᠬᠦ ᠵᠢ ᠪᠦᠬᠦᠨ᠎ᠢ ᠤᠶᠠᠯᠳᠤᠭᠤᠯᠤᠭ᠋ᠠᠳ᠂ ᠬᠣᠶ᠋ᠢᠰᠢᠳᠠ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠳᠠ ᠵᠢᠨ ᠦᠨᠡᠮᠯᠡᠯ ᠤᠯᠭᠤᠬᠤ ᠠᠭᠤᠷᠬᠠᠶ ᠮᠠᠯᠲᠠᠬᠤ ᠡᠷᠬᠡ᠎ᠳᠤ ᠵᠥᠪᠬᠡᠨ ᠨᠢᠭᠡ ᠲᠦᠰᠦᠯ᠎ᠢ ᠨᠠᠶ᠋ᠢᠷᠠᠭᠤᠯᠤᠨ ᠵᠤᠬᠢᠶᠠᠪᠠᠯ ᠪᠤᠯᠴᠢᠬᠠᠬᠤ ᠪᠤᠯᠭ᠋ᠠᠪᠠ᠃ ᠡᠭᠦᠨ᠎ᠤ ᠬᠠᠮᠲᠤ ᠵᠠᠳᠠᠭ᠋ᠠᠶ ᠠᠭᠤᠷᠬᠠᠶ ᠵᠢᠨ ᠪᠠᠲᠤᠯᠠᠭ᠎ᠠ ᠵᠢᠨ ᠮᠥᠩᠭᠥ ᠵᠢᠨ ᠬᠡᠷᠡᠭᠵᠢᠭᠦᠯᠬᠦ ᠪᠠᠷᠢᠮᠵᠢᠶ᠎ᠠ ᠵᠢ ᠳᠡᠭᠡᠭᠰᠢᠯᠡᠭᠦᠯᠪᠡ᠂ ᠲᠤᠬᠠᠶ᠋ᠢᠯᠠᠪᠠᠯ ᠤᠤᠯ᠎ᠤᠨ ᠰᠠᠭᠤᠷᠢᠨ ᠳᠡᠭᠡᠷ᠎ᠡ ᠨᠢᠭᠡ ᠳᠠᠬᠢᠨ (2.5᠎ᠠᠴᠠ᠎ᠨᠢ 5.0 ᠪᠤᠯᠭ᠋ᠠᠨ ᠬᠤᠪᠢᠷᠠᠭᠤᠯᠪᠠ) ᠳᠡᠭᠡᠭᠰᠢᠯᠡᠭᠦᠯᠪᠡ᠃ ᠬᠣᠶᠠᠷ᠎ᠲᠤ ᠬᠤᠭᠤᠴᠠᠭ᠎ᠠ ᠬᠤᠪᠢᠶᠠᠨ ᠵᠠᠰᠠᠬᠤ ᠲᠥᠰᠦᠯ᠎ᠤᠨ ᠬᠠᠤᠯᠢ ᠴᠠᠭ᠋ᠠᠵᠠ ᠵᠢᠨ ᠪᠠᠶ᠋ᠢᠷᠢ ᠰᠠᠭᠤᠷᠢ ᠪᠣᠯᠤᠨ ᠦᠢ᠍ᠯᠡᠳᠦᠯ᠎ᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠬᠤᠭᠤᠴᠠᠭ᠎ᠠ ᠬᠤᠪᠢᠶᠠᠨ ᠵᠠᠰᠠᠬᠤ ᠵᠢ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠵᠢ ᠲᠤᠭᠲᠠᠭ᠋ᠠᠵᠤ᠂ ᠠᠭᠤᠷᠬᠠᠶ ᠵᠢᠨ ᠠᠵᠤ ᠠᠬᠤᠶ᠋ᠢᠯᠠᠯ᠎ᠤᠨ ᠮᠠᠯᠲᠠᠬᠤ ᠵᠢᠨ ᠳᠠᠭ᠋ᠠᠤ᠎ᠳᠤ ᠵᠠᠰᠠᠬᠤ ᠡᠭᠦᠷᠭᠡ᠎ᠪᠠᠨ ᠬᠦᠢ᠍ᠴᠡᠳᠭᠡᠬᠦ ᠵᠢ᠎ᠨᠢ ᠰᠢᠮᠳᠠᠭᠤᠯᠬᠤ᠎ᠳᠤ ᠠᠰᠢᠭᠲᠠᠢ ᠪᠤᠯᠭ᠋ᠠᠪᠠ᠃ ᠭᠤᠷᠪᠠ᠎ᠳᠤ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠠᠷᠭ᠎ᠠ᠎ᠨᠢ 《ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ ᠳᠦᠷᠢᠮ》᠎ᠤᠨ ᠬᠠᠮᠢᠶ᠎ᠠ ᠪᠦᠬᠦᠢ ᠲᠣᠷᠭ᠋ᠠᠭᠤᠯᠢ ᠵᠢᠨ ᠲᠦᠷᠢᠮ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠬᠡᠷᠡᠭᠯᠡᠵᠤ᠂ ᠬᠠᠤᠯᠢ ᠬᠡᠷᠡᠭᠵᠢᠭᠦᠯᠬᠦ ᠠᠷᠭ᠎ᠠ ᠪᠠᠷᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠭᠤᠷᠬᠠᠶ ᠮᠠᠯᠲᠠᠬᠤ ᠡᠷᠬᠡᠲᠦ ᠬᠥᠮᠦᠨ ᠠᠭᠤᠷᠬᠠᠶ ᠵᠢ ᠨᠡᠭᠡᠭᠡᠨ ᠮᠠᠯᠲᠠᠬᠤ᠎ᠠᠴᠠ᠎ᠪᠠᠨ ᠡᠮᠦᠨ᠎ᠡ ᠶᠠᠭᠤᠨ᠎ᠤ ᠤᠷᠢᠳ ᠡᠪᠳᠡᠬᠦ᠎ᠪᠠᠷ ᠪᠠᠶ᠋ᠢᠭ᠎ᠠ ᠲᠠᠷᠢᠶᠠᠨ ᠭᠠᠵᠠᠷ᠂ ᠣᠶ᠋ᠢᠲᠤ ᠭᠠᠵᠠᠷ᠂ ᠨᠤᠲᠤᠭ ᠪᠡᠯᠴᠢᠭᠡᠷ᠎ᠤᠨ ᠬᠥᠷᠥᠰᠥ ᠵᠢ ᠰᠠᠯᠭ᠋ᠠᠬᠤ ᠵᠢᠨ ᠬᠠᠮᠲᠤ ᠲᠤᠰᠠᠭ᠋ᠠᠷ᠎ᠨᠢ ᠦᠯᠡᠳᠡᠭᠡᠵᠤ᠂ ᠰᠠᠯᠭ᠋ᠠᠵᠤ ᠠᠪᠤᠭᠰᠠᠨ ᠬᠦᠷᠦᠰᠦ ᠵᠢ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠰᠡᠷᠭᠦᠭᠡᠨ ᠵᠠᠰᠠᠬᠤ᠎ᠳᠤ ᠬᠡᠷᠡᠭᠯᠡᠬᠦ᠎ᠪᠠᠷ ᠤᠨᠴᠠᠭ᠋ᠠᠢ᠌ᠯᠠᠨ ᠲᠤᠭᠲᠠᠭ᠋ᠠᠪᠠ᠃ ᠲᠦᠷᠪᠡ᠎ᠳᠤ ᠠᠭᠤᠷᠬᠠᠶ ᠵᠢᠨ ᠭᠠᠵᠠᠷ   ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠡᠭᠦᠷᠭᠡ᠎ᠪᠠᠨ ᠭᠦᠢ᠍ᠴᠡᠳᠬᠡᠭᠰᠡᠨ ᠤᠢ᠍ᠭᠡᠢ ᠠᠭᠤᠷᠬᠠᠶ ᠵᠢᠨ ᠠᠵᠤ ᠠᠬᠤᠶ᠋ᠢᠯᠠᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠨᠡᠶ᠋ᠢᠭᠡᠮ᠎ᠤᠨ ᠢᠲᠡᠭᠡᠮᠵᠢ ᠵᠢᠨ ᠰᠢᠰᠲᠸᠮᠵᠢ᠎ᠳᠤ ᠤᠷᠤᠭᠤᠯᠵᠤ᠂ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠦᠨᠡᠨᠴᠢ ᠢᠲᠡᠭᠡᠮᠵᠢ ᠵᠢᠨ ᠬᠠᠷ᠎ᠠ ᠳᠠᠩᠰᠠ᠎ᠳᠤ ᠤᠷᠤᠭᠤᠯᠵᠤ᠂ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠨᠡᠶ᠋ᠢᠳᠡ᠎ᠳᠤ ᠵᠠᠷᠯᠠᠬᠤ ᠰᠢᠰᠲᠸᠮᠵᠢ᠎ᠯᠤᠭ᠎ᠠ ᠡᠬᠢ ᠪᠠᠶᠠᠯᠢᠭ᠎ᠢ ᠬᠠᠮᠲᠤᠪᠠᠷ ᠬᠦᠷᠲᠡᠵᠤ᠂ ᠪᠦᠬᠦ ᠣᠷᠣᠨ᠎ᠤ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠠᠵᠢᠯ᠎ᠢ ᠪᠣᠳᠠᠲᠠᠶ ᠭᠠᠵᠠᠷ᠎ᠲᠤᠨᠢ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠪᠠ᠃
      ᠸᠠᠨᠭ᠌ ᠵᠢᠶᠸ᠄
      ᠬᠣᠶᠠᠷ᠎ᠲᠤ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠪᠠᠲᠤᠯᠠᠭ᠎ᠠ ᠵᠢᠨ ᠮᠥᠩᠭᠥ ᠵᠢᠨ ᠲᠥᠷᠢᠮ᠎ᠢ ᠴᠢᠩᠭ᠎ᠠ ᠬᠡᠷᠡᠭᠵᠢᠭᠦᠯᠪᠡ᠃ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠠᠵᠢᠯ᠎ᠳᠤ᠂ ᠪᠦᠬᠦ ᠣᠷᠣᠨ᠎ᠤ ᠡᠯ᠎ᠡ ᠭᠠᠵᠠᠷ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠪᠠᠲᠤᠯᠠᠭ᠎ᠠ ᠵᠢᠨ ᠮᠥᠩᠭᠥ ᠵᠢᠨ ᠲᠥᠷᠢᠮ᠎ᠢ ᠴᠢᠩᠭ᠎ᠠ ᠬᠡᠷᠡᠭᠵᠢᠭᠦᠯᠵᠦ᠂ ᠠᠭᠤᠷᠬᠠᠶ ᠵᠢᠨ ᠠᠵᠤ ᠠᠬᠤᠶ᠋ᠢᠯᠠᠯ᠎ᠤᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ᠎ᠨᠢ ᠲᠣᠳᠣᠷᠬᠠᠢ᠌ᠯᠠᠨ᠂ ᠠᠭᠤᠷᠬᠠᠶ ᠵᠢᠨ ᠠᠵᠤ ᠠᠬᠤᠶ᠋ᠢᠯᠠᠯ᠎ᠤᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠬᠤᠭᠤᠴᠠᠭ᠎ᠠ ᠬᠤᠪᠢᠶᠠᠨ ᠵᠠᠰᠠᠬᠤ ᠲᠠᠨᠢᠯᠲᠠ ᠵᠢ ᠳᠡᠭᠡᠭᠰᠢᠯᠡᠭᠦᠯᠪᠡ᠃ ᠥᠨᠥ ᠪᠣᠯᠬᠤ᠎ᠳᠤ᠂ ᠪᠦᠬᠦ ᠣᠷᠣᠨ᠎ᠤ 4709 ᠠᠭᠤᠷᠬᠠᠶ ᠪᠠᠲᠤᠯᠠᠭ᠎ᠠ ᠵᠢᠨ ᠮᠥᠩᠭᠥ ᠲᠤᠰᠢᠶᠠᠨ ᠬᠠᠳᠠᠭ᠋ᠠᠯᠠᠵᠤ᠂ ᠲᠤᠰᠢᠶᠠᠵᠤ ᠬᠠᠳᠠᠭ᠋ᠠᠯᠠᠭᠰᠠᠨ ᠨᠣᠷᠮ᠎ᠠ 98.9%᠂ ᠲᠤᠰᠢᠶᠠᠵᠤ ᠬᠠᠳᠠᠭ᠋ᠠᠯᠠᠭᠰᠠᠨ ᠵᠣᠭᠣᠰ᠎ᠤᠨ ᠲᠣᠭ᠎ᠠ᠎ᠨᠢ 29.38 ᠳ᠋ᠥᠨᠭᠰᠢᠭᠤᠷ ᠲᠥᠭᠥᠷᠢᠭ᠎ᠲᠤ ᠬᠦᠷᠪᠡ; 4688 ᠠᠭᠤᠷᠬᠠᠢ ᠵᠢᠨ 《ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠲᠥᠰᠦᠯ》᠎ᠢ ᠨᠢᠭᠡᠨᠲᠡ ᠨᠠᠶ᠋ᠢᠷᠠᠭᠤᠯᠤᠨ ᠵᠣᠬᠢᠶᠠᠨ ᠬᠢᠨᠠᠨ ᠲᠣᠭᠲᠠᠭ᠋ᠠᠵᠤ᠂ ᠨᠠᠢ᠌ᠷᠠᠭᠤᠯᠤᠨ ᠵᠣᠬᠢᠶᠠᠭᠰᠠᠨ ᠨᠣᠷᠮ᠎ᠠ 8.5%᠎ᠳᠤ ᠬᠦᠷᠪᠡ᠂ 4889 ᠠᠭᠤᠷᠬᠠᠢ ᠵᠢᠨ 《ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠪᠠ ᠰᠡᠷᠭᠦᠭᠡᠨ ᠵᠠᠰᠠᠬᠤ ᠲᠥᠰᠦᠯ》᠎ᠢ ᠨᠢᠭᠡᠨᠲᠡ ᠨᠠᠶ᠋ᠢᠷᠠᠭᠤᠯᠤᠨ ᠵᠣᠬᠢᠶᠠᠨ ᠬᠢᠨᠠᠨ ᠲᠣᠭᠲᠠᠭ᠋ᠠᠵᠤ᠂ ᠨᠠᠢ᠌ᠷᠠᠭᠤᠯᠤᠨ ᠵᠣᠬᠢᠶᠠᠭᠰᠠᠨ ᠨᠣᠷᠮ᠎ᠠ 96.41%᠎ᠳᠤ ᠬᠦᠷᠪᠡ᠂ 1721 ᠠᠭᠤᠷᠬᠠᠢ ᠵᠢᠨ 《ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠪᠠ ᠰᠡᠷᠭᠦᠭᠡᠨ ᠵᠠᠰᠠᠬᠤ ᠵᠢ ᠬᠤᠭᠤᠴᠠᠭ᠎ᠠ ᠬᠤᠪᠢᠶᠠᠬᠤ ᠲᠥᠰᠦᠯ》᠎ᠢ ᠨᠢᠭᠡᠨᠲᠡ ᠨᠠᠶ᠋ᠢᠷᠠᠭᠤᠯᠤᠨ ᠵᠣᠬᠢᠶᠠᠵᠤ ᠬᠢᠨᠠᠨ ᠲᠣᠭᠲᠠᠭ᠋ᠠᠪᠠ᠃
      ᠭᠤᠷᠪᠠ᠎ᠳᠤ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠨᠤᠷᠮ᠎ᠠ ᠵᠢ ᠠᠶ᠋ᠢᠮᠠᠭ ᠬᠤᠳᠠ ᠵᠢᠨ ᠤᠳᠤᠷᠢᠳᠬᠤ ᠪᠠᠭ᠎ᠤᠨ ᠬᠢᠨᠠᠨ ᠰᠢᠯᠭ᠋ᠠᠬᠤ ᠭᠦᠢ᠍ᠴᠡᠳᠬᠡᠬᠥ ᠲᠣᠭ᠎ᠠ᠎ᠳᠤ ᠣᠷᠤᠭᠤᠯᠪᠠ᠃ ᠲᠢᠩᠬᠢᠮ᠎ᠤᠨ ᠨᠢᠭᠡᠳᠦᠯᠲᠡᠶ ᠵᠣᠬᠢᠴᠠᠭᠤᠯᠤᠯ᠎ᠤᠨ ᠳᠣᠣᠷ᠎ᠠ᠂ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠰᠡᠷᠭᠦᠭᠡᠨ ᠵᠠᠰᠠᠬᠤ ᠨᠤᠷᠮ᠎ᠠ ᠵᠢ ᠠᠶ᠋ᠢᠮᠠᠭ ᠬᠤᠳᠠ ᠵᠢᠨ ᠤᠳᠤᠷᠢᠳᠬᠤ ᠪᠠᠭ᠎ᠤᠨ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠡᠶᠡᠯᠡᠭᠦᠯᠬᠦ ᠬᠢᠨᠠᠨ ᠰᠢᠯᠭ᠋ᠠᠬᠤ ᠰᠢᠰᠲᠸᠮᠵᠢ᠎ᠳᠤ ᠣᠷᠣᠭᠤᠯᠤᠭᠰᠠᠨ᠎ᠤ ᠬᠠᠮᠲᠤ ᠪᠣᠳᠠᠲᠠᠶ ᠰᠢᠯᠭ᠋ᠠᠨ ᠬᠢᠨᠠᠵᠤ ᠬᠤᠪᠢ ᠲᠣᠭᠲᠠᠭ᠋ᠠᠬᠤ ᠠᠷᠭ᠎ᠠ ᠵᠢ ᠳᠤᠷᠠᠳᠤᠨ ᠭᠠᠷᠭ᠋ᠠᠪᠠ᠃ ᠰᠢᠯᠭ᠋ᠠᠨ ᠬᠢᠨᠠᠬᠤ ᠭᠦᠢ᠍ᠴᠡᠳᠬᠡᠬᠦ ᠲᠣᠭ᠎ᠠ᠎ᠳᠤ ᠭᠣᠣᠯᠳᠠᠭᠤ ᠭᠤᠷᠪᠠᠨ ᠬᠡᠰᠡᠭ᠎ᠢ ᠪᠠᠭᠲᠠᠭ᠋ᠠᠪᠠ᠄ ᠬᠤᠭᠤᠴᠠᠭ᠋ᠠᠨ᠎ᠳᠠᠬᠢ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠨᠤᠷᠮ᠎ᠠ᠂ 《ᠭᠤᠷᠪᠠᠨ ᠣᠷᠣᠨ ᠬᠣᠶᠠᠷ ᠱᠤᠭᠤᠮ》᠎ᠤᠨ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠪᠡᠯᠡ ᠮᠥᠩᠭᠥ ᠵᠢᠨ ᠣᠷᠣᠭᠤᠯᠤᠯᠲᠠ ᠵᠢᠨ ᠨᠤᠷᠮ᠎ᠠ; ᠤᠯᠤᠰ᠂ ᠥᠪᠡᠷᠲᠡᠭᠡᠨ ᠵᠠᠰᠠᠬᠤ ᠣᠷᠣᠨ᠎ᠠᠴᠠ ᠪᠡᠯᠡ ᠭᠠᠷᠭ᠋ᠠᠭᠰᠠᠨ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠲᠥᠷᠥᠯ ᠵᠦᠢ᠍ᠯ᠎ᠤᠨ ᠵᠠᠰᠠᠯᠲᠠ ᠵᠢᠨ ᠨᠣᠷᠮ᠎ᠠ ᠪᠣᠯᠣᠨ᠎ᠠ᠃ ᠲᠤᠰ ᠰᠢᠯᠭ᠋ᠠᠨ ᠬᠢᠨᠠᠬᠤ ᠭᠦᠢ᠍ᠴᠡᠳᠬᠡᠬᠦ ᠲᠣᠭ᠎ᠠ ᠵᠢ ᠲᠣᠭᠲᠠᠭ᠋ᠠᠭᠰᠠᠨ ᠶᠠᠪᠤᠳᠠᠯ᠎ᠨᠢ ᠡᠯ᠎ᠡ ᠠᠶ᠋ᠢᠮᠠᠭ ᠬᠤᠳᠠ ᠵᠢᠨ ᠵᠠᠰᠠᠭ᠎ᠤᠨ ᠣᠷᠳᠣᠨ᠎ᠤ ᠳᠡᠭᠡᠳᠦ ᠬᠡᠮᠵᠢᠶᠡᠨ᠎ᠤ ᠬᠦᠨᠳᠦᠳᠬᠡᠯ᠎ᠢ ᠣᠯᠵᠤ᠂ ᠡᠯ᠎ᠡ ᠭᠠᠵᠠᠷ᠎ᠤᠨ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠠᠵᠢᠯ᠎ᠳᠤ ᠯᠤᠲᠤ ᠶᠡᠬᠡ ᠲᠦᠯᠬᠢᠴᠡ ᠦᠢ᠍ᠯᠡᠳᠦᠯ ᠦᠵᠡᠭᠦᠯᠪᠡ᠃
      ᠬᠥᠲᠦᠯᠦᠭᠴᠢ᠄
      ᠸᠠᠩ ᠲᠢᠩᠬᠢᠮ᠎ᠤᠨ ᠳᠠᠷᠤᠭ᠎ᠠ ᠡ᠂ ᠲᠠ ᠪᠢᠳᠡᠨ᠎ᠳᠤ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠬᠤᠭᠤᠴᠠᠭ᠋ᠠᠨ᠎ᠳᠠᠬᠢ ᠮᠠᠨ᠎ᠤ ᠣᠷᠣᠨ᠎ᠤ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠠᠵᠢᠯ᠎ᠤᠨ ᠶᠡᠷᠦᠩᠬᠡᠶ ᠰᠡᠳᠬᠢᠮᠵᠢ ᠵᠢ ᠶᠠᠷᠢᠭ᠋ᠠᠳ ᠥᠭᠭᠦᠨᠡᠦ?
      ᠸᠠᠨᠭ᠌ ᠵᠢᠶᠸ᠄
     《13·5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠪᠦᠬᠦ ᠣᠷᠣᠨ᠎ᠤ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠠᠵᠢᠯ᠎ᠨᠢ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《13·5》 ᠵᠢᠨ ᠲᠥᠯᠥᠪᠵᠢᠭᠦᠯᠭᠡ ᠵᠢᠨ ᠲᠤᠬᠠᠶ ᠰᠠᠨᠠᠭᠤᠯᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠪᠣᠬᠢᠷᠲᠤᠯ ᠦᠭᠡᠢ᠎ᠪᠠᠷ ᠬᠥᠭᠵᠢᠭᠦᠯᠬᠦ ᠣᠨᠣᠯᠵᠢᠬᠤᠨ᠎ᠢ ᠪᠠᠷᠢᠮᠲᠠᠯᠠᠨ᠂ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠬᠢᠨᠠᠨ ᠬᠡᠮᠵᠢᠬᠦ ᠬᠠᠮᠢᠶᠠᠷᠤᠯᠲᠠ ᠵᠢᠨ ᠠᠷᠭ᠎ᠠ ᠪᠣᠯᠤᠨ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠠᠷᠭ᠎ᠠ ᠵᠢ ᠨᠠᠷᠢᠨ ᠬᠢᠨᠠᠮᠠᠭ᠋ᠠᠶ ᠨᠠᠢ᠌ᠳᠠᠪᠤᠷᠢᠵᠢᠭᠤᠯᠣᠨ᠎ᠠ᠃ 《ᠨᠡᠭᠡᠭᠡᠨ ᠬᠥᠭᠵᠢᠭᠦᠯᠬᠦ ᠵᠢᠨ ᠬᠠᠮᠲᠤ ᠬᠠᠮᠠᠭ᠋ᠠᠯᠬᠤ᠂ ᠬᠠᠮᠠᠭ᠋ᠠᠯᠠᠬᠤ ᠵᠢᠨ ᠬᠠᠮᠲᠤ ᠨᠡᠭᠡᠭᠡᠨ ᠬᠥᠭᠵᠢᠭᠦᠯᠬᠦ》 ᠪᠠ 《ᠴᠢᠭ᠋ ᠳᠡᠭᠡᠷ᠎ᠡ ᠨᠡᠭᠡᠭᠡᠨ ᠬᠥᠭᠵᠢᠭᠦᠯᠬᠦ᠂ ᠨᠡᠶ᠋ᠢᠳᠡᠮ᠎ᠳᠤᠨᠢ ᠬᠠᠮᠠᠭ᠋ᠠᠯᠠᠬᠤ》 ᠵᠠᠷᠴᠢᠮ᠎ᠢ ᠪᠠᠷᠢᠮᠲᠠᠯᠠᠵᠤ᠂ ᠡᠬᠢ ᠪᠠᠶᠠᠯᠢᠭ ᠪᠣᠯᠣᠨ ᠣᠷᠴᠢᠨ ᠲᠣᠭᠣᠷᠢᠨ᠎ᠢ ᠬᠠᠮᠠᠭ᠋ᠠᠯᠠᠬᠤ ᠠᠮᠢᠨ ᠰᠤᠳᠠᠰᠤ ᠵᠢ ᠴᠢᠨᠭᠭ᠎ᠠ ᠰᠠᠬᠢᠨ᠎ᠠ; ᠭᠠᠵᠠᠷ ᠰᠢᠨᠵᠢᠯᠡᠭᠡᠨ᠎ᠤ ᠭᠠᠢ ᠭᠠᠮᠰᠢᠭ᠎ᠲᠤ 《ᠰᠡᠷᠭᠡᠶ᠋ᠢᠯᠡᠬᠦ᠎ᠪᠠᠷ ᠭᠣᠣᠯ ᠪᠣᠯᠭ᠋ᠠᠨ᠂ ᠵᠠᠢ᠌ᠯᠠᠰᠬᠢᠬᠦ ᠪᠠ ᠵᠠᠰᠠᠬᠤ ᠵᠢ ᠬᠠᠷᠢᠯᠴᠠᠨ ᠤᠶᠠᠯᠳᠤᠭᠤᠯᠬᠤ》 ᠵᠠᠷᠴᠢᠮ᠎ᠢ ᠪᠠᠷᠢᠮᠲᠠᠯᠠᠵᠤ᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠣᠯᠣᠨ ᠡᠳ᠋ ᠬᠦᠷᠦᠩᠭᠡ ᠵᠢᠨ ᠠᠮᠤᠷ ᠲᠦᠪᠰᠢᠨ᠎ᠢ ᠬᠠᠮᠠᠭ᠋ᠠᠯᠠᠨ᠎ᠠ᠃ ᠶᠡᠷᠦᠩᠬᠡᠶ ᠬᠠᠷᠠᠯᠲᠠ ᠪᠣᠯ᠄ 《13·5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠬᠠᠮᠢᠶᠠᠷᠤᠯᠲᠠ ᠵᠢᠨ ᠳᠦᠷᠢᠮ᠎ᠢ ᠤᠯᠠᠮ ᠲᠡᠭᠦᠯᠳᠡᠷᠵᠢᠭᠦᠯᠦᠨ᠂ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠴᠠᠭ ᠲᠤᠬᠠᠶ᠎ᠳᠤᠨᠢ ᠵᠠᠰᠠᠵᠤ᠂ ᠡᠪᠳᠡᠬᠦ ᠪᠠ ᠵᠠᠰᠠᠬᠤ ᠵᠢ ᠲᠡᠩᠴᠡᠭᠦᠷᠢᠲᠡᠶ ᠪᠠᠢ᠌ᠯᠭ᠋ᠠᠬᠤ ᠵᠢ ᠦᠨᠳᠦᠰᠦᠨ᠎ᠳᠡᠭᠡᠨ ᠪᠡᠶᠡᠯᠡᠭᠦᠯᠦᠨ᠎ᠡ; 《ᠭᠤᠷᠪᠠᠨ ᠣᠷᠣᠨ ᠬᠣᠶᠠᠷ ᠱᠤᠭᠤᠮ》᠎ᠤᠨ ᠲᠡᠦᠬᠡᠨ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠢ ᠥᠷᠭᠦᠯᠵᠢᠯᠡᠨ ᠵᠠᠰᠠᠵᠤ᠂ ᠬᠠᠭᠤᠴᠢᠨ ᠥᠷᠢ ᠦᠯᠡᠳᠡᠭᠡᠬᠦ ᠦᠭᠡᠢ ᠪᠠᠢ᠌ᠬᠤ ᠵᠢ ᠴᠢᠷᠮᠠᠢ᠌ᠨ ᠪᠡᠶᠡᠯᠡᠭᠦᠯᠦᠨ᠎ᠡ; ᠪᠥᠬᠥ ᠣᠷᠣᠨ᠎ᠤ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠬᠢᠨᠠᠨ ᠬᠡᠮᠵᠢᠬᠦ ᠰᠢᠰᠲᠸᠮᠵᠢ ᠵᠢᠨ ᠳ᠋ᠠᠢ᠌ᠲ᠋ᠠ ᠵᠢ ᠵᠢ ᠦᠨᠳᠦᠰᠦᠨ᠎ᠳᠡᠭᠡᠨ ᠪᠠᠶ᠋ᠢᠭᠤᠯᠵᠤ᠂ ᠡᠯ᠎ᠡ ᠲᠥᠷᠥᠯ᠎ᠤᠨ ᠬᠢᠨᠠᠨ ᠬᠡᠮᠵᠢᠬᠦ ᠰᠢᠰᠲᠸᠮᠵᠢ ᠬᠠᠷᠢᠯᠴᠠᠨ ᠬᠣᠯᠪᠣᠭ᠋ᠠᠯᠠᠵᠤ ᠬᠠᠮᠲᠤ᠎ᠪᠠᠷ ᠬᠦᠷᠲᠡᠬᠦ ᠵᠢ ᠪᠣᠯᠭ᠋ᠠᠵᠤ᠂ ᠬᠢᠨᠠᠨ ᠬᠡᠮᠵᠢᠯᠲᠡ ᠵᠢ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡ ᠵᠠᠩᠭᠢᠵᠢᠯᠲᠠ ᠵᠢᠨ ᠴᠢᠳᠠᠪᠤᠷᠢ ᠪᠣᠯᠤᠨ ᠪᠠᠲᠤᠯᠠᠭ᠎ᠠ ᠵᠢᠨ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠦᠨ᠎ᠡ; ᠭᠠᠵᠠᠷ ᠰᠢᠨᠵᠢᠯᠡᠭᠡᠨ᠎ᠤ ᠭᠠᠶ ᠭᠠᠮᠰᠢᠭ᠎ᠢ ᠰᠡᠷᠭᠡᠶ᠋ᠢᠯᠡᠨ ᠵᠠᠰᠠᠬᠤ ᠵᠢ ᠦᠷᠭᠦᠯᠵᠢᠯᠡᠨ ᠲᠦᠯᠬᠢᠨ ᠠᠬᠢᠭᠤᠯᠵᠤ᠂ ᠭᠠᠵᠠᠷ ᠰᠢᠨᠵᠢᠯᠡᠭᠡᠨ᠎ᠤ ᠭᠠᠢ ᠭᠠᠮᠰᠢᠭ ᠡᠭᠦᠰᠪᠡᠯ ᠴᠠᠭ ᠲᠤᠬᠠᠶ᠎ᠳᠤᠨᠢ ᠰᠢᠢ᠍ᠳᠪᠦᠷᠢᠯᠡᠨ᠎ᠡ᠃ ᠠᠭᠤᠷᠬᠠᠶ ᠵᠢᠨ ᠣᠷᠴᠢᠨ ᠲᠣᠭᠣᠷᠢᠨ᠎ᠢ ᠵᠠᠰᠠᠬᠤ ᠬᠥᠭᠵᠢᠯᠲᠡ ᠵᠢᠨ ᠬᠠᠨᠳᠤᠰᠢ ᠵᠢ ᠦᠨᠳᠦᠰᠦᠯᠡᠨ᠂ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠬᠤᠭᠤᠴᠠᠭ᠋ᠠᠨ᠎ᠳᠤ ᠪᠥᠬᠥ ᠣᠷᠣᠨ᠎ᠤ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ᠎ᠳᠤ ᠨᠡᠢ᠌ᠲᠡ 20 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠣᠷᠣᠭᠤᠯᠵᠤ᠂ 300 ᠲᠡᠭᠰᠢ ᠳᠥᠷᠪᠡᠯᠵᠢᠨ ᠺᠢᠯᠣᠮᠧᠲᠷ ᠲᠠᠯᠠᠪᠠᠢ ᠵᠢ ᠵᠠᠰᠠᠬᠤ᠎ᠪᠠᠷ ᠲᠥᠯᠥᠪᠵᠢᠭᠦᠯᠦᠨ᠎ᠡ᠃
      ᠬᠥᠲᠦᠯᠦᠭᠴᠢ᠄  
      ᠲᠡᠭᠡᠪᠡᠯ᠂ 2016 ᠣᠨ᠎ᠳᠤ ᠶᠠᠮᠠᠷ ᠭᠣᠣᠯ ᠠᠵᠢᠯ᠎ᠤᠳ ᠬᠢᠬᠦ ᠪᠤᠢ?
      ᠸᠠᠨᠭ᠌ ᠵᠢᠶᠸ᠄
     2016 ᠣᠨ ᠪᠣᠯ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠡᠬᠢᠯᠡᠯᠲᠡ ᠵᠢᠨ ᠵᠢᠯ ᠮᠦᠨ᠂ ᠮᠠᠨ᠎ᠤ ᠣᠷᠣᠨ᠎ᠤ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠠᠵᠢᠯ᠎ᠨᠢ ᠪᠣᠬᠢᠷᠲᠤᠯ ᠦᠭᠡᠢ᠎ᠪᠠᠷ ᠬᠥᠭᠵᠢᠭᠦᠯᠬᠦ ᠣᠨᠣᠯᠵᠢᠬᠤᠨ᠎ᠢ ᠬᠢᠨᠠᠮᠠᠭ᠋ᠠᠶ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠳᠤᠷᠠᠳᠤᠭᠰᠠᠨ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠡᠯ᠎ᠡ ᠵᠦᠢ᠍ᠯ᠎ᠤᠨ ᠠᠵᠢᠯ᠎ᠢ ᠪᠦᠬᠦ ᠬᠦᠴᠦ᠎ᠪᠠᠷ ᠵᠶ᠋ᠠᠨ ᠲᠤᠢ᠍ᠯᠬᠢᠠ ᠠᠬᠢᠭᠤᠯᠤᠨ᠎ᠠ᠃ 2016 ᠣᠨ᠎ᠤ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠶᠡᠷᠦᠩᠬᠡᠶ ᠬᠠᠷᠠᠯᠲᠠ ᠪᠣᠯ᠂ ᠪᠦᠬᠦ ᠣᠷᠣᠨ ᠵᠠᠰᠠᠯᠲᠠ ᠵᠢᠨ ᠪᠡᠯᠡ ᠮᠥᠩᠭᠥ ᠵᠢ 4.5 ᠳ᠋ᠥᠨᠭᠰᠢᠭᠤᠷ ᠲᠥᠭᠥᠷᠢᠭ ᠣᠷᠤᠭᠤᠯᠵᠤ᠂ ᠵᠠᠰᠠᠯᠲᠠ ᠵᠢᠨ ᠲᠠᠯᠠᠪᠠᠢ ᠵᠢ 4500 ᠡᠾᠸᠺᠠᠲ᠋ᠠᠷ ᠲᠠᠯᠠᠪᠠᠢ ᠵᠢ ᠵᠠᠰᠠᠨ᠎ᠠ᠃ ᠳᠣᠣᠷᠠᠬᠢ ᠠᠵᠢᠯ᠎ᠢ ᠭᠣᠣᠯᠳᠠᠯᠭ᠎ᠠ᠎ᠲᠠᠢ ᠰᠠᠶ᠋ᠢᠲᠤᠷ ᠬᠢᠨ᠎ᠡ᠄ ᠨᠢᠭᠡ᠎ᠳᠤ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠰᠠᠭᠤᠷᠢ ᠠᠵᠢᠯ᠎ᠢ ᠰᠠᠢ᠌ᠲᠤᠷ ᠠᠳᠬᠤᠵᠤ᠂ ᠪᠦᠬᠦ ᠣᠷᠣᠨ᠎ᠤ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠠᠵᠢᠯ᠎ᠤᠨ ᠠᠬᠤᠢ ᠪᠠᠶ᠋ᠢᠳᠠᠯ᠎ᠢ ᠴᠠᠭ ᠲᠤᠬᠠᠶ᠎ᠳᠤᠨᠢ ᠡᠵᠡᠮᠰᠢᠵᠦ᠂ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠡᠯ᠎ᠡ ᠵᠦᠢ᠍ᠯ᠎ᠤᠨ ᠠᠵᠢᠯ᠎ᠢ ᠲᠦᠯᠬᠢᠨ ᠠᠬᠢᠭᠤᠯᠤᠨ᠎ᠠ᠃ ᠬᠣᠶᠠᠷ᠎ᠲᠤ᠂ ᠣᠳᠣᠬᠠᠨ᠎ᠤ ᠬᠦᠴᠢᠷᠳᠡᠯ᠎ᠲᠠᠢ ᠠᠵᠤ ᠠᠬᠤᠶ᠋ᠢᠯᠠᠯ᠎ᠤᠨ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠪᠠᠲᠤᠯᠠᠭ᠎ᠠ ᠵᠢᠨ ᠮᠥᠩᠭᠥ ᠲᠤᠰᠢᠶᠠᠬᠤ ᠠᠰᠠᠭᠤᠳᠠᠯ᠎ᠳᠤ ᠬᠠᠨᠳᠤᠭᠤᠯᠤᠨ᠂ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠪᠠᠲᠤᠯᠠᠭ᠎ᠠ ᠵᠢᠨ ᠮᠥᠨᠭᠭᠥᠨ᠎ᠤ ᠬᠠᠮᠢᠶᠠᠷᠤᠯᠲᠠ ᠵᠢᠨ ᠠᠵᠢᠯ᠎ᠳᠤ ᠪᠠᠶ᠋ᠢᠴᠠᠭ᠋ᠠᠨ ᠰᠤᠳᠤᠯᠤᠯᠲᠠ ᠬᠢᠵᠦ᠂ ᠠᠳᠠᠯᠢ ᠪᠤᠰᠤ ᠬᠥᠳᠡᠷ᠎ᠤᠨ ᠲᠥᠷᠥᠯ᠂ ᠠᠳᠠᠯᠢ ᠪᠤᠰᠤ ᠦᠢ᠍ᠯᠡᠴᠢᠯᠡᠬᠦ ᠬᠤᠭᠤᠴᠠᠭ᠎ᠠ᠎ᠲᠠᠢ ᠠᠭᠤᠷᠬᠠᠶ ᠵᠢᠨ ᠠᠵᠤ ᠠᠬᠤᠶ᠋ᠢᠯᠠᠯ᠎ᠳᠤ ᠴᠢᠭᠯᠡᠭᠦᠯᠦᠨ᠂ ᠪᠠᠲᠤᠯᠠᠭ᠎ᠠ ᠵᠢᠨ ᠮᠥᠩᠭᠥ ᠵᠢᠨ ᠵᠣᠬᠢᠴᠠᠩᠭᠤᠶ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠨᠡᠢ᠌ᠲᠡᠯᠡᠵᠦ᠂ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠬᠥᠩᠭᠡᠯᠡᠨ᠎ᠠ; ᠭᠤᠷᠪᠠ᠎ᠳᠤ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠡᠭᠦᠷᠭᠡ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠳᠦᠷᠢᠮ᠎ᠢ ᠠᠬᠢᠭᠤᠯᠤᠨ᠎ᠠ; ᠲᠦᠷᠪᠡ᠎ᠳᠤ ᠦᠶᠡᠷ᠎ᠤᠨ ᠬᠤᠭᠤᠴᠠᠭ᠋ᠠᠨ᠎ᠳᠤ ᠬᠢᠨᠠᠯᠲᠠ ᠲᠠᠯᠪᠢᠵᠤ ᠪᠠᠢ᠌ᠴᠠᠭ᠋ᠠᠯᠲᠠ ᠬᠢᠬᠦ ᠵᠢ ᠴᠠᠭ᠎ᠲᠤᠨᠢ ᠲᠣᠬᠢᠷᠠᠭᠤᠯᠤᠨ ᠥᠷᠨᠢᠭᠦᠯᠵᠦ᠂ ᠭᠠᠵᠠᠷ ᠰᠢᠨᠵᠢᠯᠡᠭᠡᠨ᠎ᠤ ᠭᠠᠶ ᠭᠠᠮᠰᠢᠭ᠎ᠢ ᠰᠡᠷᠭᠡᠶ᠋ᠢᠯᠡᠨ ᠵᠠᠰᠠᠬᠤ ᠠᠵᠢᠯ᠎ᠢ ᠴᠢᠩᠭ᠋ᠠᠳᠬᠠᠨ᠎ᠠ; ᠳᠠᠪᠤ᠎ᠳᠤ ᠷᠠᠰᠢᠶᠠᠨ᠎ᠤ ᠤᠯᠤᠰ᠎ᠤᠨ ᠭᠠᠵᠠᠷ ᠰᠢᠨᠵᠢᠯᠡᠭᠡᠨ᠎ᠤ ᠴᠡᠴᠡᠷᠯᠢᠭ᠎ᠢ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ ᠪᠣᠯᠭ᠋ᠠᠨ ᠳᠡᠪᠰᠢᠭᠦᠯᠬᠦ ᠡᠯ᠎ᠡ ᠵᠦᠢ᠍ᠯ᠎ᠤᠨ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠤᠯᠠᠭ᠋ᠠᠨᠬᠠᠳᠠ ᠬᠤᠳᠠ᠂ ᠠᠯᠠᠱ᠌ᠠ ᠠᠶ᠋ᠢᠮᠠᠭ᠎ᠤᠨ ᠬᠣᠶᠠᠷ ᠭᠠᠵᠠᠷ ᠰᠢᠨᠵᠢᠯᠡᠭᠡᠨ᠎ᠤ ᠴᠡᠴᠡᠷᠯᠢᠭ᠎ᠢ 2017 ᠣᠨ᠎ᠳᠤ ᠳᠡᠯᠡᠬᠡᠢ ᠵᠢᠨ ᠭᠠᠵᠠᠷ ᠰᠢᠨᠵᠢᠯᠡᠭᠡᠨ᠎ᠤ ᠴᠡᠴᠡᠷᠯᠢᠭ ᠵᠶ᠋ᠡᠷ ᠦᠨᠡᠯᠡᠨ ᠵᠢᠱ᠌ᠢᠭᠦᠯᠬᠦ ᠡᠮᠦᠨᠡᠬᠢ ᠱᠠᠲᠤᠨ᠎ᠤ ᠪᠡᠯᠡᠳᠬᠡᠯ ᠠᠵᠢᠯ᠎ᠢ   ᠡᠬᠢᠯᠡᠭᠦᠯᠬᠦ ᠵᠢ ᠲᠦᠯᠬᠢᠨ ᠠᠬᠢᠭᠤᠯᠤᠨ᠎ᠠ; ᠵᠢᠷᠭᠤᠭ᠎ᠠ᠎ᠳᠤ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠠᠵᠢᠯ᠎ᠤᠨ ᠨᠡᠶ᠋ᠢᠲᠡᠯᠢᠭ ᠵᠢᠱ᠌ᠢᠶ᠎ᠡ ᠵᠢ ᠣᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠶᠠᠷᠢᠶ᠎ᠠ ᠬᠡᠯᠡᠯᠴᠡᠭᠡᠨ᠎ᠤ ᠬᠥᠲᠥᠯᠥᠨ ᠵᠢᠯᠣᠭᠣᠳᠬᠤ ᠦᠢ᠍ᠯᠡᠳᠦᠯ᠎ᠢ᠎ᠨᠢ ᠪᠠᠳᠠᠷᠠᠭᠤᠯᠤᠨ᠎ᠠ᠃
      ᠬᠥᠲᠦᠯᠦᠭᠴᠢ᠄  
      ᠵᠠ ᠰᠠᠢ᠌ᠨ ᠪᠣᠯᠣᠯ᠎ᠠ᠂ ᠸᠠᠩ ᠲᠢᠩᠬᠢᠮ᠎ᠤᠨ ᠳᠠᠷᠤᠭ᠎ᠠ ᠵᠢᠨ ᠬᠢᠨᠠᠮᠠᠭ᠋ᠠᠢ ᠲᠠᠢ᠌ᠯᠪᠣᠷᠢᠯᠠᠭᠰᠠᠨ᠎ᠳᠤ ᠲᠠᠯᠠᠷᠬᠠᠵᠤ ᠪᠠᠶ᠋ᠢᠨ᠎ᠠ᠂ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠥᠨᠳᠥᠷᠯᠡᠯ᠎ᠡ᠂ ᠳᠠᠷᠠᠭ᠋ᠠᠴᠢ ᠵᠢᠨ ᠬᠤᠭᠤᠴᠠᠭ᠋ᠠᠨ᠎ᠳᠤ ᠪᠠᠶᠠᠷᠲᠠᠶ ᠵᠣᠯᠭ᠋ᠠᠶ᠎ᠠ!

ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠨᠡᠭᠦᠷᠡᠰᠦᠨ ᠦᠢ᠍ᠯᠡᠳᠪᠦᠷᠢᠯᠡᠯ᠎ᠤᠨ ᠦᠯᠡᠬᠦᠦ ᠴᠢᠳᠠᠪᠤᠷᠢ ᠵᠢ ᠴᠢᠷᠮᠠᠶ᠋ᠢᠨ ᠦᠭᠡᠢ᠌ᠰᠬᠡᠵᠦ ᠨᠡᠭᠦᠷᠡᠰᠦᠨ᠎ᠤ ᠠᠵᠤ ᠦᠢ᠍ᠯᠡᠳᠪᠦᠷᠢ ᠵᠢᠨ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠬᠢᠭᠤᠯᠤᠶ᠎ᠠ
《ᠬᠥᠯᠥᠨ ᠪᠤᠢ᠍ᠢ᠍ᠷ᠎ᠤᠨ ᠳᠤᠮᠳᠠᠳᠤ ᠤᠷᠤᠰ ᠮᠣᠩᠭᠣᠯ᠎ᠤᠨ ᠬᠠᠮᠲᠤᠷᠠᠯᠴᠠᠭ᠎ᠠ ᠵᠢᠨ ᠬᠣᠰᠢᠭᠤᠴᠢ ᠣᠷᠣᠨ᠎ᠤ ᠪᠥᠳᠥᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ》 ᠵᠢ ᠬᠢᠨᠠᠮᠠᠭ᠋ᠠᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠳᠡ ᠵᠢᠨ ᠬᠥᠭᠥᠷᠭᠡᠨ ᠪᠡᠬᠢᠯᠡᠯᠲᠡ ᠵᠢ ᠲᠦᠷᠭᠡᠳᠭᠡᠨ ᠪᠦᠲᠦᠭᠡᠨ ᠪᠠᠢ᠌ᠭᠤᠯᠤᠶ᠎ᠠ
ᠲᠠᠪᠤᠨ ᠶᠡᠬᠡ ᠡᠭᠦᠷᠭᠡ ᠵᠢ ᠰᠠᠶ᠋ᠢᠲᠤᠷ ᠠᠳᠬᠤᠵᠤ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠲᠦᠯᠬᠢᠨ ᠠᠬᠢᠭᠤᠯᠤᠶ᠎ᠠ
ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠠᠵᠢᠯ᠎ᠤᠨ ᠬᠠᠮᠢᠶ᠎ᠠ ᠪᠦᠬᠦᠢ ᠠᠰᠠᠭᠤᠳᠠᠯ᠎ᠤᠨ ᠲᠤᠬᠠᠶ ᠲᠠᠢ᠌ᠯᠤᠮᠵᠢ
ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠬᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠥᠭᠡᠷᠡᠴᠢᠯᠡᠯᠲᠡ ᠵᠢᠨ ᠠᠰᠢᠭ᠎ᠤᠨ ᠪᠣᠳᠠᠲᠠᠶ ᠨᠠᠢ᠌ᠳᠠᠪᠤᠷᠢᠵᠢᠭᠤᠯᠤᠯᠲᠠ ᠵᠢ ᠦᠨᠡᠨ ᠬᠦ᠌ ᠪᠠᠲᠤᠯᠠᠬᠤ ᠬᠡᠷᠡᠭᠲᠡᠶ
 
            