
ᠰᠣᠷᠪᠤᠯᠵᠢᠯᠠᠭᠰᠠᠨ ᠴᠠᠭ᠄
2016 ᠣᠨ᠎ᠤ 4 ᠳ᠋ᠤᠭᠡᠷ ᠰᠠᠷ᠎ᠠ ᠵᠢᠨ 29᠎ᠤ ᠡᠳᠦᠷ᠎ᠤᠨ ᠦᠳᠡ ᠵᠢᠨ ᠡᠮᠦᠨᠡᠬᠢ 10 ᠴᠠᠭ᠎ᠲᠤ
ᠰᠣᠷᠪᠣᠯᠵᠢᠯᠠᠭᠰᠠᠨ ᠵᠣᠴᠢᠨ ᠄
ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠳᠡᠳ᠋ ᠳᠠᠷᠤᠭ᠎ᠠ ᠹᠸᠨᠭ ᠵᠢᠶᠠᠨ ᠵᠥᠨᠭ
ᠰᠣᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
ᠲᠦᠷᠦ ᠵᠢᠨ ᠶᠠᠪᠤᠳᠠᠯ᠎ᠤᠨ ᠬᠣᠷᠢᠶ᠎ᠠ 2016 ᠣᠨ᠎ᠳᠤ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠬᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠬᠡᠷᠡᠭᠵᠢᠭᠦᠯᠬᠦ᠎ᠪᠠᠷ ᠲᠣᠭᠲᠠᠪᠠ᠄ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠲᠤᠷᠰᠢᠯᠲᠠ ᠬᠢᠬᠦ ᠬᠡᠪᠴᠢᠶ᠎ᠡ᠎ᠪᠠᠨ ᠪᠠᠷᠢᠯᠭ᠎ᠠ ᠵᠢᠨ ᠦᠢ᠍ᠯᠡᠰ᠂ ᠭᠡᠷ ᠪᠠᠶ᠋ᠢᠰᠢᠩ ᠭᠠᠵᠠᠷ ᠬᠦᠷᠦᠩᠭᠡ ᠵᠢᠨ ᠦᠢ᠍ᠯᠡᠰ᠂ ᠮᠥᠩᠭᠥᠨ ᠭᠦᠢ᠍ᠯᠭᠡᠭᠡᠨ᠎ᠤ ᠦᠢ᠍ᠯᠡᠰ᠂ ᠠᠮᠢᠳᠤᠷᠠᠯ᠎ᠤᠨ ᠦᠢ᠍ᠯᠡᠴᠢᠯᠡᠭᠡᠨ᠎ᠤ ᠦᠢ᠍ᠯᠡᠰ ᠬᠦᠷᠲᠡᠯ᠎ᠡ ᠥᠷᠭᠡᠳᠬᠡᠭᠰᠡᠨ ᠪᠥᠭᠡᠳ ᠪᠤᠢ ᠪᠦᠬᠦᠢ ᠠᠵᠤ ᠠᠬᠤᠶ᠋ᠢᠯᠠᠯ᠎ᠤᠨ ᠰᠢᠨ᠎ᠡ᠎ᠪᠠᠷ ᠨᠡᠮᠡᠭᠳᠡᠭᠰᠡᠨ ᠲᠣᠭᠲᠠᠮᠠᠯ ᠬᠦᠷᠦᠩᠭᠡ᠎ᠳᠤ ᠠᠭᠤᠯᠤᠭᠰᠠᠨ ᠦᠷᠳᠡᠭ ᠨᠡᠮᠡᠭᠳᠡᠯ᠎ᠤᠨ ᠭᠠᠶ᠋ᠢᠯᠢ ᠵᠢ ᠲᠤᠯᠭ᠋ᠠᠨ ᠰᠠᠭᠤᠳᠬᠠᠬᠤ ᠬᠡᠪᠴᠢᠶᠡᠨ᠎ᠳᠤ ᠣᠷᠣᠭᠤᠯᠵᠤ᠂ ᠪᠤᠢ ᠪᠦᠬᠦᠢ ᠠᠵᠢᠯ ᠲᠥᠷᠥᠯ᠎ᠤᠨ ᠭᠠᠶ᠋ᠢᠯᠢ ᠵᠢᠨ ᠡᠭᠦᠷᠭᠡᠯᠡᠯ᠎ᠢ ᠪᠠᠭ᠋ᠠᠰᠬᠠᠬᠤ᠎ᠠᠴᠠ ᠪᠢᠰᠢ ᠨᠡᠮᠡᠭᠳᠡᠭᠦᠯᠬᠦ ᠦᠭᠡᠶ ᠪᠠᠢ᠌ᠬᠤ ᠵᠢ ᠦᠨᠡᠨ ᠬᠦ᠌ ᠪᠠᠲᠤᠯᠠᠬᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ ᠵᠢᠨ ᠭᠠᠶ᠋ᠢᠯᠢ ᠵᠢ ᠦᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠲᠠᠲᠠᠪᠤᠷᠢᠯᠠᠬᠤ ᠪᠠᠶ᠋ᠢᠳᠠᠯ᠎ᠢ ᠨᠠᠷᠢᠨ ᠲᠣᠳᠣᠷᠬᠠᠶ ᠣᠢ᠌ᠯᠠᠭ᠋ᠠᠭᠤᠯᠬᠤ ᠵᠢᠨ ᠲᠤᠰᠠᠲᠠ᠂ ᠣᠶ᠋ᠢᠷ᠎ᠠ᠎ᠳᠤ᠂ ᠪᠢᠳᠡ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠳᠡᠳ᠋ ᠳᠠᠷᠤᠭ᠎ᠠ ᠹᠸᠨᠭ ᠵᠢᠶᠠᠨ ᠵᠥᠨᠭ ᠵᠢ 《ᠳᠤᠮᠳᠠᠳᠤ ᠤᠯᠤᠰ · ᠥᠪᠥᠷ ᠮᠣᠩᠭᠣᠯ》 ᠰᠦᠯᠵᠢᠶ᠎ᠡ᠎ᠳᠤ ᠣᠷᠢᠬᠤ ᠪᠣᠯᠣᠨ᠎ᠠ᠃ ᠲᠤᠬᠠᠢ ᠵᠢᠨ ᠴᠠᠭ᠎ᠲᠤ ᠰᠦᠯᠵᠢᠶᠡᠨ ᠠᠨᠳᠠ ᠨᠠᠷ ᠢᠳᠡᠪᠬᠢᠲᠡᠢ ᠤᠷᠤᠯᠴᠠᠬᠤ ᠪᠤᠯᠪᠠᠤ!
ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ
ᠬᠥᠲᠥᠯᠥᠭᠴᠢ᠄
ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨ᠎ᠠ ᠤᠤ ? ᠲᠤᠰ ᠬᠤᠭᠤᠴᠠᠭ᠋ᠠᠨ᠎ᠤ 《ᠳᠤᠮᠳᠠᠳᠤ ᠤᠯᠤᠰ᠂ ᠦᠪᠤᠷ ᠮᠤᠩᠭᠤᠯ》 ᠰᠦᠯᠵᠢᠶᠡᠨ᠎ᠤ ᠰᠤᠷᠪᠤᠯᠵᠢᠯᠠᠭ᠎ᠠ ᠶᠠᠷᠢᠯᠴᠠᠭ᠎ᠠ ᠵᠢᠨ ᠪᠤᠯᠤᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠳᠤᠵᠦ ᠪᠠᠢ᠌ᠨ᠎ᠠ᠃ ᠦᠨᠦᠳᠤᠷ ᠪᠢᠳᠡᠨ᠎ᠤ ᠤᠷᠢᠭᠰᠠᠨ ᠵᠤᠴᠢᠨ ᠪᠤᠯ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠳᠡᠳ᠋ ᠳᠠᠷᠤᠭ᠎ᠠ ᠹᠸᠨᠭ ᠵᠢᠶᠠᠨ ᠵᠥᠨᠭ ᠪᠤᠯᠤᠨ᠎ᠠ᠂ ᠳᠡᠷᠡ ᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ ᠵᠢᠨ ᠭᠠᠶ᠋ᠢᠯᠢ ᠵᠢ ᠦᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠲᠠᠲᠠᠪᠤᠷᠢᠯᠠᠬᠤ ᠬᠣᠯᠪᠤᠭᠳᠠᠯ ᠪᠥᠬᠦᠢ ᠪᠠᠶ᠋ᠢᠳᠠᠯ᠎ᠢ ᠲᠠ ᠪᠥᠬᠥᠨ᠎ᠳᠤ ᠲᠠᠨᠢᠯᠴᠠᠭᠤᠯᠬᠤ ᠵᠢᠨ ᠬᠠᠮᠲᠤ ᠰᠦᠯᠵᠢᠶᠡᠨ ᠳᠡᠭᠡᠷ᠎ᠡ ᠲᠠ ᠪᠥᠬᠦᠨᠤ ᠠᠰᠠᠭᠤᠳᠠᠯ᠎ᠢ ᠬᠠᠷᠢᠭᠤᠯᠬᠤ ᠪᠣᠯᠣᠨ᠎ᠠ᠃ ᠹᠸᠡᠭ ᠳᠠᠷᠤᠭ᠎ᠠ ᠡ᠂ ᠲᠠᠨ᠎ᠢ ᠪᠠᠶᠠᠷᠯᠠᠨ ᠤᠭᠳᠤᠵᠦ ᠪᠠᠢ᠌ᠨ᠎ᠠ!
ᠹᠸᠨᠭ ᠵᠢᠶᠠᠨ ᠵᠥᠨᠭ᠄
ᠬᠦᠳᠤᠯᠦᠭᠴᠢ ᠰᠠᠢ᠌ᠨ ᠤᠤ? ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨ᠎ᠠ ᠤᠤ?
ᠬᠥᠲᠥᠯᠥᠭᠴᠢ᠄
ᠹᠸᠡᠭ ᠳᠠᠷᠤᠭ᠎ᠠ ᠡ᠂ ᠲᠠ ᠪᠢᠳᠡᠨ᠎ᠳᠤ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠬᠤ ᠥᠭᠡᠷᠡᠴᠢᠯᠡᠯᠲᠡ ᠭᠡᠭᠴᠢ᠎ᠨᠢ ᠶᠠᠭᠤ ᠪᠣᠯᠬᠤ ᠵᠢ ᠶᠠᠷᠢᠭ᠋ᠠᠳ ᠦᠭᠭᠦᠨ᠎ᠡ ᠤᠤ? ᠪᠠᠶᠠᠷᠯᠠᠯ᠎ᠠ᠃
ᠹᠸᠨᠭ ᠵᠢᠶᠠᠨ ᠵᠥᠨᠭ᠄
ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠬᠤ ᠥᠭᠡᠷᠡᠴᠢᠯᠡᠯᠲᠡ ᠪᠣᠯ ᠡᠵᠡᠩᠨᠡᠯᠲᠡ ᠵᠢᠨ ᠭᠠᠶ᠋ᠢᠯᠢ ᠵᠢ ᠦᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠲᠠᠲᠠᠪᠤᠷᠢᠯᠠᠬᠤ ᠵᠢᠨ ᠲᠣᠪᠴᠢ ᠳᠠᠭᠤᠳᠠᠯᠭ᠎ᠠ ᠪᠣᠯᠬᠤ ᠪᠥᠭᠡᠳ ᠦᠷᠳᠡᠭ ᠨᠡᠮᠡᠭᠳᠡᠯ᠎ᠤᠨ ᠭᠠᠶ᠋ᠢᠯᠢ ᠵᠢᠨ ᠥᠭᠡᠷᠡᠴᠢᠯᠡᠯᠲᠡ ᠵᠢᠨ ᠣᠷᠭ᠋ᠠᠨᠢᠭ ᠪᠦᠷᠢᠯᠳᠦᠬᠦᠨ ᠬᠡᠰᠡᠭ ᠮᠥᠨ᠃ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠬᠤ ᠥᠭᠡᠷᠡᠴᠢᠯᠡᠯᠲᠡ ᠪᠣᠯ ᠡᠷᠭᠢᠯᠲᠡ ᠵᠢᠨ ᠭᠠᠶ᠋ᠢᠯᠢ ᠵᠢᠨ ᠳᠦᠷᠢᠮ᠎ᠳᠠᠬᠢ ᠡᠳ᠋ ᠪᠠᠷᠠᠭ᠎ᠠ ᠪᠣᠯᠣᠨ ᠦᠢ᠍ᠯᠡᠴᠢᠯᠡᠭᠡ᠎ᠠᠴᠠ ᠲᠤᠰ ᠲᠤᠰ ᠦᠷᠳᠡᠭ ᠨᠡᠮᠡᠭᠳᠡᠯ᠎ᠤᠨ ᠭᠠᠶ᠋ᠢᠯᠢ᠂ ᠡᠵᠡᠩᠨᠡᠯᠲᠡ ᠵᠢᠨ ᠭᠠᠶ᠋ᠢᠯᠢ ᠲᠠᠲᠠᠪᠤᠷᠢᠯᠠᠬᠤ ᠠᠰᠠᠭᠤᠳᠠᠯ᠎ᠳᠤ ᠬᠠᠨᠳᠤᠭᠤᠯᠤᠨ᠂ ᠭᠠᠶ᠋ᠢᠯᠢ ᠵᠢᠨ ᠲᠦᠷᠢᠮ᠎ᠢ ᠨᠢᠭᠡᠳᠦᠯᠲᠡᠶ ᠪᠣᠯᠭ᠋ᠠᠬᠤ᠎ᠪᠠᠷ ᠳᠠᠮᠵᠢᠭᠤᠯᠤᠨ ᠪᠣᠷᠣᠯᠠᠭᠤᠯᠬᠤ ᠦᠢ᠍ᠯᠡᠴᠢᠯᠡᠭᠡ᠂ ᠳᠠᠯᠳᠠ ᠬᠦᠷᠦᠨᠭᠭᠡ᠂ ᠲᠣᠭᠲᠠᠮᠠᠯ ᠬᠦᠷᠦᠨᠭᠭᠡ ᠵᠢ ᠥᠷᠲᠡᠭ ᠨᠡᠮᠡᠭᠳᠡᠯ᠎ᠤᠨ ᠭᠠᠢ᠌ᠯᠢ ᠵᠢᠨ ᠰᠢᠰᠲᠸᠮᠵᠢ᠎ᠳᠤ ᠠᠯᠬᠤᠮ ᠠᠯᠬᠤᠮ ᠵᠶ᠋ᠠᠷ ᠣᠷᠤᠭᠤᠯᠵᠤ᠂ ᠪᠣᠷᠣᠯᠠᠭᠤᠯᠬᠤ ᠡᠳ᠋ ᠪᠠᠷᠠᠭ᠎ᠠ᠎ᠲᠠᠢ ᠬᠠᠮᠲᠤ ᠨᠡᠮᠡᠭᠳᠡᠯ᠎ᠤᠨ ᠭᠠᠶ᠋ᠢᠯᠢ ᠲᠠᠲᠠᠪᠤᠷᠢᠯᠠᠵᠤ᠂ ᠡᠴᠦᠰ᠎ᠲᠡᠭᠡᠨ ᠡᠵᠡᠩᠨᠡᠯᠲᠡ ᠵᠢᠨ ᠭᠠᠶ᠋ᠢᠯᠢ ᠵᠢ ᠬᠦᠴᠦᠨ ᠦᠭᠡᠢ ᠪᠣᠯᠭ᠋ᠠᠬᠤ ᠶᠠᠪᠤᠳᠠᠯ ᠪᠣᠯᠣᠨ᠎ᠠ᠃
ᠬᠥᠲᠥᠯᠥᠭᠴᠢ᠄
ᠲᠡᠭᠡᠪᠡᠯ᠂ ᠡᠵᠡᠩᠨᠡᠯᠲᠡ ᠵᠢᠨ ᠭᠠᠶ᠋ᠢᠯᠢ ᠵᠢ ᠶᠠᠭᠤᠨ᠎ᠳᠤ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠲᠠᠲᠠᠪᠤᠷᠢᠯᠠᠬᠤ ᠪᠤᠢ?
ᠹᠸᠨᠭ ᠵᠢᠶᠠᠨ ᠵᠥᠨᠭ᠄
ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠬᠤ ᠥᠭᠡᠷᠡᠴᠢᠯᠡᠯᠲᠡ ᠵᠢᠨ ᠵᠣᠷᠢᠯᠭ᠎ᠠ ᠪᠣᠯ ᠡᠵᠡᠩᠨᠡᠯᠲᠡ ᠵᠢᠨ ᠭᠠᠶ᠋ᠢᠯᠢ᠎ᠠᠴᠠ ᠳᠠᠪᠬᠤᠷ ᠭᠠᠶ᠋ᠢᠯᠢ ᠲᠠᠲᠠᠪᠤᠷᠢᠯᠠᠬᠤ ᠭᠡᠮ ᠰᠣᠭᠣᠭ᠎ᠢ ᠠᠷᠢᠯᠭ᠋ᠠᠵᠤ᠂ ᠲᠤᠰᠬᠠᠶ᠋ᠢᠵᠢᠭᠤᠯᠤᠭᠰᠠᠨ ᠠᠵᠢᠯ᠎ᠤᠨ ᠬᠤᠪᠢᠶᠠᠷᠢᠯᠠᠯ ᠪᠣᠯᠤᠨ ᠠᠵᠤ ᠦᠢ᠍ᠯᠡᠰ᠎ᠤᠨ ᠠᠭᠤᠰᠤᠯᠴᠠᠯ᠎ᠢ ᠠᠬᠢᠭᠤᠯᠤᠨ᠂ ᠠᠵᠤ ᠠᠬᠤᠶ᠋ᠢᠯᠠᠯ᠎ᠤᠨ ᠥᠪᠡᠷ᠎ᠤᠨ ᠥᠷᠲᠡᠭ᠎ᠢ ᠳᠣᠷᠣᠭᠰᠢᠯᠠᠭᠤᠯᠵᠤ᠂ ᠬᠥᠭᠵᠢᠯᠲᠡ ᠵᠢᠨ ᠴᠢᠳᠠᠪᠤᠷᠢ ᠵᠢ᠎ᠨᠢ ᠨᠡᠮᠡᠭᠳᠡᠭᠦᠯᠬᠦ ᠵᠢᠨ ᠲᠥᠯᠦᠭᠡ ᠶᠤᠮ᠃ ᠤᠯᠠᠨ᠎ᠤ ᠮᠡᠳᠡᠭᠡᠵᠢ᠎ᠪᠠᠷ᠂ ᠡᠵᠡᠩᠨᠡᠯᠲᠡ ᠵᠢᠨ ᠭᠠᠶ᠋ᠢᠯᠢ ᠪᠣᠯ ᠭᠠᠶ᠋ᠢᠯᠢ ᠲᠤᠰᠢᠶᠠᠭᠴᠢ ᠵᠢᠨ ᠪᠣᠷᠣᠯᠠᠭᠤᠯᠬᠤ ᠦᠢ᠍ᠯᠡᠴᠢᠯᠡᠭᠡ᠂ ᠳᠠᠯᠳᠠ ᠬᠦᠷᠦᠨᠭᠭᠡ᠂ ᠲᠣᠭᠲᠠᠮᠠᠯ ᠬᠦ᠍ᠷᠦᠩᠭᠡ ᠵᠢᠨ ᠣᠷᠣᠯᠭ᠎ᠠ ᠵᠢᠨ ᠪᠦᠬᠥ ᠲᠣᠭ᠎ᠠ᠎ᠠᠴᠠ ᠭᠠᠶ᠋ᠢᠯᠢ ᠲᠠᠲᠠᠪᠤᠷᠢᠯᠠᠬᠤ ᠪᠣᠯᠣᠨ᠎ᠠ᠂ ᠡᠷᠭᠢᠯᠲᠡ ᠵᠢᠨ ᠶᠠᠪᠤᠴᠠ᠎ᠳᠤ ᠳᠠᠪᠬᠤᠷ ᠭᠠᠶ᠋ᠢᠯᠢ ᠲᠠᠲᠠᠪᠤᠷᠢᠯᠠᠬᠤ ᠠᠰᠠᠭᠤᠳᠠᠯ ᠭᠠᠷᠬᠤ᠎ᠨᠢ ᠵᠠᠶ᠋ᠢᠯᠠᠰᠢ ᠦᠭᠡᠢ ᠶᠤᠮ᠂ ᠡᠷᠭᠢᠯᠲᠡ ᠵᠢᠨ ᠭᠣᠭᠴᠣᠭ᠎ᠠ ᠬᠣᠢ᠌ᠰᠢᠯᠠᠬᠤ ᠲᠣᠰᠣᠮ ᠭᠠᠶ᠋ᠢᠯᠢ ᠵᠢᠨ ᠡᠭᠦᠷᠭᠡᠯᠡᠯ᠎ᠨᠢ ᠤᠯᠠᠮ ᠬᠥᠨᠳᠥᠷᠡᠬᠦ ᠪᠣᠯᠣᠨ᠎ᠠ᠃ ᠥᠷᠲᠡᠭ ᠨᠡᠮᠡᠭᠳᠡᠯ᠎ᠤᠨ ᠭᠠᠢ᠌ᠯᠢ ᠪᠣᠯ ᠡᠳ᠋ ᠪᠠᠷᠠᠭ᠎ᠠ ᠪᠣᠷᠣᠯᠠᠭᠤᠯᠬᠤ ᠪᠠ ᠦᠢ᠍ᠯᠡᠴᠢᠯᠡᠭᠡ ᠬᠠᠩᠭ᠋ᠠᠬᠤ᠎ᠳᠠᠬᠢ ᠨᠡᠮᠡᠭᠳᠡᠭᠰᠡᠨ ᠥᠷᠲᠡᠭ᠎ᠤᠨ ᠲᠣᠭ᠎ᠠ᠎ᠠᠴᠠ ᠲᠠᠲᠠᠪᠤᠷᠢᠯᠠᠬᠤ ᠭᠠᠶ᠋ᠢᠯᠢ ᠪᠣᠯᠣᠨ᠎ᠠ᠂ ᠲᠤᠬᠠᠶ᠋ᠢᠯᠠᠪᠠᠯ ᠭᠠᠶ᠋ᠢᠯᠢ ᠲᠤᠰᠢᠶᠠᠭᠴᠢ ᠵᠢᠨ ᠳᠡᠭᠡᠷ᠎ᠡ ᠨᠢᠭᠡ ᠭᠣᠭᠴᠣᠭ᠎ᠠ ᠳᠡᠭᠡᠷ᠎ᠡ ᠨᠢᠭᠡᠨᠲᠡ ᠲᠤᠰᠢᠶᠠᠭᠰᠠᠨ ᠭᠠᠶ᠋ᠢᠯᠢ ᠵᠢᠨ ᠲᠡᠷᠡ ᠬᠡᠰᠡᠭ ᠦᠷᠲᠡᠭ ᠵᠢ ᠲᠤᠯᠭ᠋ᠠᠨ ᠰᠠᠭᠤᠳᠬᠠᠭᠰᠠᠨᠤ ᠳᠠᠷᠠᠭ᠎ᠠ᠂ ᠵᠥᠪᠬᠡᠨ ᠲᠤᠰ ᠵᠠᠩᠭᠢᠯᠠᠭ᠎ᠠ ᠵᠢᠨ ᠰᠢᠨ᠎ᠡ᠎ᠪᠠᠷ ᠨᠡᠮᠡᠭᠳᠡᠭᠰᠡᠨ ᠦᠷᠳᠡᠭ᠎ᠠᠴᠠ ᠭᠠᠶ᠋ᠢᠯᠢ ᠲᠠᠲᠠᠪᠤᠷᠢᠯᠠᠵᠤ᠂ ᠤᠯᠠᠮᠵᠢᠯᠠᠯᠲᠤ ᠡᠵᠡᠩᠨᠡᠯᠲᠡ ᠵᠢᠨ ᠭᠠᠶ᠋ᠢᠯᠢ ᠵᠢᠨ ᠪᠦᠬᠦ ᠲᠣᠭ᠎ᠠ᠎ᠠᠴᠠ ᠭᠠᠶ᠋ᠢᠯᠢ ᠲᠠᠲᠠᠪᠤᠷᠢᠯᠠᠬᠤ᠎ᠳᠤ ᠪᠤᠢ ᠪᠣᠯᠬᠤ ᠳᠠᠪᠬᠤᠷ ᠭᠠᠶ᠋ᠢᠯᠢ ᠲᠠᠲᠠᠪᠤᠷᠢᠯᠠᠬᠤ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠪᠡ᠃
ᠦᠢ᠍ᠯᠡᠳᠦᠯᠭᠡ ᠭᠡᠷᠡᠴᠢᠯᠡᠭᠰᠡᠨ᠎ᠨᠢ᠂ ᠡᠵᠡᠩᠨᠡᠯᠲᠡ ᠵᠢᠨ ᠭᠠᠶ᠋ᠢᠯᠢ ᠵᠢ ᠦᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠬᠤ ᠥᠭᠡᠷᠡᠴᠢᠯᠡᠯᠲᠡ᠎ᠨᠢ ᠭᠠᠶ᠋ᠢᠯᠢ ᠵᠢᠨ ᠲᠦᠷᠢᠮ᠎ᠢ ᠲᠡᠭᠦᠯᠳᠡᠷᠵᠢᠭᠦᠯᠬᠦ ᠪᠠ ᠳᠠᠪᠬᠤᠷ ᠭᠠᠶ᠋ᠢᠯᠢ ᠲᠠᠲᠠᠪᠤᠷᠢᠯᠠᠬᠤ ᠵᠢ ᠠᠷᠢᠯᠭ᠋ᠠᠬᠤ᠎ᠳᠤ ᠠᠰᠢᠭᠲᠠᠶ; ᠨᠡᠶ᠋ᠢᠭᠡᠮ᠎ᠤᠨ ᠲᠤᠰᠬᠠᠶ᠋ᠢᠵᠢᠭᠤᠯᠤᠭᠰᠠᠨ ᠠᠵᠢᠯ᠎ᠤᠨ ᠬᠤᠪᠢᠶᠠᠷᠢᠯᠠᠯ᠂ ᠭᠣᠷᠪᠠ ᠤᠳᠠᠭ᠋ᠠᠨ᠎ᠤ ᠠᠵᠤ ᠦᠢ᠍ᠯᠡᠰ᠎ᠤᠨ ᠠᠭᠤᠰᠤᠯᠴᠠᠯ᠎ᠤᠨ ᠠᠬᠢᠭᠤᠯᠤᠯᠲᠠ᠎ᠳᠤ ᠠᠰᠢᠭᠲᠠᠢ; ᠠᠵᠤ ᠠᠬᠤᠶ᠋ᠢᠯᠠᠯ᠎ᠤᠨ ᠭᠠᠶ᠋ᠢᠯᠢ ᠲᠠᠲᠠᠪᠤᠷᠢ ᠵᠢᠨ ᠥᠪᠡᠷ᠎ᠤᠨ ᠦᠷᠳᠡᠭ᠎ᠢ ᠳᠣᠷᠣᠭᠰᠢᠯᠠᠭᠤᠯᠤᠨ᠂ ᠠᠵᠤ ᠠᠬᠤᠶ᠋ᠢᠯᠠᠯ᠎ᠤᠨ ᠬᠥᠭᠵᠢᠯᠲᠡ ᠵᠢᠨ ᠴᠢᠳᠠᠪᠤᠷᠢ ᠵᠢ ᠨᠡᠮᠡᠭᠳᠡᠭᠦᠯᠬᠦ᠎ᠳᠤ ᠠᠰᠢᠭᠲᠠᠢ; ᠪᠡᠯᠡ ᠣᠷᠣᠭᠤᠯᠤᠯᠲᠠ᠂ ᠬᠡᠷᠡᠭᠯᠡᠭᠡ ᠪᠣᠯᠣᠨ ᠭᠠᠳᠠᠭ᠋ᠠᠳᠤ᠎ᠳᠤ ᠭᠠᠷᠭ᠋ᠠᠬᠤ ᠪᠦᠲᠦᠴᠡ ᠵᠢ ᠰᠢᠯᠢᠳᠡᠭᠵᠢᠭᠦᠯᠦᠨ᠂ ᠤᠯᠤᠰ ᠠᠷᠠᠳ᠎ᠤᠨ ᠠᠵᠤ ᠠᠬᠤᠶ ᠵᠢᠨ ᠡᠷᠡᠭᠦᠯ ᠪᠥᠭᠡᠳ ᠵᠣᠬᠢᠴᠠᠩᠭᠤᠶ᠎ᠪᠠᠷ ᠬᠥᠭᠵᠢᠭᠦᠯᠬᠦ ᠵᠢ ᠠᠬᠢᠭᠤᠯᠬᠤ᠎ᠳᠤ ᠠᠰᠢᠭᠲᠠᠢ ᠶᠤᠮ᠃
ᠬᠥᠲᠥᠯᠥᠭᠴᠢ᠄
ᠲᠠ ᠦᠷᠳᠡᠭ ᠨᠡᠮᠡᠭᠳᠡᠯ᠎ᠤᠨ ᠭᠠᠶ᠋ᠢᠯᠢ ᠵᠢᠨ ᠥᠭᠡᠷᠡᠴᠢᠯᠡᠯᠲᠡ ᠵᠢᠨ ᠲᠡᠦᠬᠡ ᠵᠢ ᠲᠠᠨᠢᠯᠴᠠᠭᠤᠯᠤᠭ᠋ᠠᠳ ᠥᠭᠭᠦᠨ᠎ᠡ ᠤᠤ?
ᠹᠸᠨᠭ ᠵᠢᠶᠠᠨ ᠵᠥᠨᠭ᠄
ᠪᠣᠯᠣᠨ᠎ᠠ᠃ 1954 ᠣᠨ᠎ᠳᠤ ᠦᠷᠳᠡᠭ ᠨᠡᠮᠡᠭᠳᠡᠯ᠎ᠤᠨ ᠭᠠᠶ᠋ᠢᠯᠢ ᠵᠢ ᠡᠩ ᠲᠡᠷᠢᠭᠦᠨ᠎ᠳᠤ ᠹᠷᠠᠨᠼᠢ᠎ᠳᠤ ᠡᠬᠢᠯᠡᠨ ᠲᠠᠲᠠᠪᠤᠷᠢᠯᠠᠵᠤ᠂ ᠤᠲᠤ ᠨᠢᠭᠡᠨᠲᠡ ᠳᠡᠯᠡᠬᠡᠶ ᠵᠢᠨ 170 ᠭᠠᠷᠤᠶ ᠤᠯᠤᠰ ᠪᠣᠯᠣᠨ ᠭᠠᠵᠠᠷ ᠣᠷᠣᠨ᠎ᠳᠤ ᠬᠡᠷᠡᠭᠯᠡᠵᠦ᠂ ᠶᠡᠷᠦᠩᠬᠡᠶ᠎ᠳᠡᠭᠡᠨ ᠴᠦᠮ ᠡᠳ᠋ ᠪᠠᠷᠠᠭ᠎ᠠ ᠪᠣᠯᠣᠨ ᠦᠢ᠍ᠯᠡᠴᠢᠯᠡᠭᠡᠨ᠎ᠤ ᠠᠵᠢᠯ ᠲᠦᠷᠦᠯ᠎ᠢ ᠬᠠᠮᠤᠷᠴᠤ ᠪᠣᠢ᠃ ᠮᠠᠨ᠎ᠤ ᠤᠯᠤᠰ 1979 ᠣᠨ᠎ᠳᠤ ᠦᠷᠳᠡᠭ ᠨᠡᠮᠡᠭᠳᠡᠯ᠎ᠤᠨ ᠭᠠᠶ᠋ᠢᠯᠢ ᠵᠢ ᠣᠷᠣᠭᠤᠯᠤᠨ ᠠᠪᠴᠢᠷᠠᠵᠤ᠂ ᠠᠨᠭ᠌ᠬ᠎ᠠ ᠡᠬᠢᠯᠡᠬᠥ᠎ᠳᠤ ᠰᠢᠶᠠᠩ ᠹᠠᠨ᠂ ᠱᠠᠩᠬᠠᠶ᠂ ᠯᠢᠤᠵᠸᠤ ᠵᠡᠷᠭᠡ ᠬᠤᠳᠠ ᠵᠢᠨ ᠮᠠᠰᠢᠨ ᠮᠧᠬᠠᠨᠢᠭ᠂ ᠮᠠᠰᠢᠨ ᠲᠡᠷᠬᠡ᠂ ᠪᠣᠯᠣᠳ ᠮᠠᠲᠸᠷᠢᠶᠠᠯ ᠵᠡᠷᠭᠡ 5 ᠲᠥᠷᠥᠯ᠎ᠤᠨ ᠡᠳ᠋ ᠪᠠᠷᠠᠭ᠎ᠠ᠎ᠳᠤ ᠲᠤᠷᠰᠢᠨ ᠬᠡᠷᠡᠭᠵᠢᠭᠦᠯᠪᠡ᠃ 1984 ᠣᠨ᠎ᠳᠤ ᠲᠥᠷᠥ ᠵᠢᠨ ᠶᠠᠪᠤᠳᠠᠯ᠎ᠤᠨ ᠬᠣᠷᠢᠶ᠎ᠠ ᠦᠷᠳᠡᠭ ᠨᠡᠮᠡᠭᠳᠡᠯ᠎ᠤᠨ ᠭᠠᠶ᠋ᠢᠯᠢ ᠵᠢᠨ ᠲᠦᠷᠢᠮ (ᠲᠥᠰᠦᠯ)᠎ᠢ ᠨᠡᠢ᠌ᠲᠡᠯᠡᠵᠦ᠂ ᠪᠦᠬᠦ ᠤᠯᠤᠰ᠎ᠤᠨ ᠬᠡᠪᠴᠢᠶᠡᠨ᠎ᠳᠤ ᠮᠠᠰᠢᠨ ᠮᠧᠬᠠᠨᠢᠭ᠂ ᠮᠠᠰᠢᠨ ᠲᠡᠷᠭᠡ᠂ ᠪᠤᠯᠤᠳ ᠮᠠᠲ᠋ᠧᠷᠢᠶᠠᠯ ᠵᠡᠷᠭᠡ 12 ᠳᠦᠷᠦᠯ᠎ᠤᠨ ᠡᠳ᠋ ᠪᠠᠷᠠᠭ᠎ᠠ᠎ᠠᠴᠠ ᠦᠷᠳᠡᠭ ᠨᠡᠮᠡᠭᠳᠡᠯ᠎ᠤᠨ ᠭᠠᠶ᠋ᠢᠯᠢ ᠲᠠᠲᠠᠪᠤᠷᠢᠯᠠᠪᠠ᠃ 1994 ᠣᠨ᠎ᠤ ᠭᠠᠶ᠋ᠢᠯᠢ ᠵᠢᠨ ᠲᠦᠷᠢᠮ᠎ᠤᠨ ᠥᠭᠡᠷᠡᠴᠢᠯᠡᠯᠲᠡ᠎ᠳᠤ ᠦᠷᠲᠡᠭ ᠨᠡᠮᠡᠭᠳᠡᠯ᠎ᠤᠨ ᠭᠠᠶ᠋ᠢᠯᠢ ᠵᠢᠨ ᠭᠠᠶ᠋ᠢᠯᠢ ᠲᠠᠲᠠᠪᠤᠷᠢᠯᠠᠬᠤ ᠬᠦᠷᠢᠶ᠎ᠡ ᠬᠡᠪᠴᠢᠶ᠎ᠡ ᠵᠢ ᠪᠤᠢ ᠪᠦᠬᠦᠢ ᠡᠳ᠋ ᠪᠠᠷᠠᠭ᠎ᠠ ᠪᠣᠯᠣᠨ ᠡᠳ᠋ᠰᠢᠭᠦᠯᠦᠨ ᠪᠣᠯᠪᠠᠰᠤᠷᠠᠭᠤᠯᠬᠤ ᠰᠡᠯᠪᠢᠨ ᠵᠠᠰᠠᠬᠤ ᠦᠢ᠍ᠯᠡᠴᠢᠯᠡᠭᠡ ᠬᠦᠷᠲᠡᠯ᠎ᠡ ᠥᠷᠭᠡᠳᠬᠡᠭᠰᠡᠨ ᠪᠣᠯᠪᠠᠴᠤ᠂ ᠪᠤᠰᠤᠳ ᠦᠢ᠍ᠯᠡᠴᠢᠯᠡᠭᠡ᠂ ᠳᠠᠯᠳᠠ ᠬᠦᠷᠦᠨᠭᠭᠡ ᠪᠣᠯᠣᠨ ᠲᠣᠭᠲᠠᠮᠠᠯ ᠬᠦᠷᠦᠨᠭᠭᠡ᠎ᠠᠴᠠ ᠮᠥᠨ ᠯᠡ ᠡᠵᠡᠩᠨᠡᠯᠲᠡ ᠵᠢᠨ ᠭᠠᠶ᠋ᠢᠯᠢ ᠲᠠᠲᠠᠪᠤᠷᠢᠯᠠᠵᠤ ᠪᠠᠢ᠌ᠪᠠ᠃ ᠡᠵᠡᠩᠨᠡᠯᠲᠡ ᠵᠢᠨ ᠭᠠᠶ᠋ᠢᠯᠢ ᠵᠢ ᠬᠡᠪ ᠵᠶ᠋ᠠᠷ᠎ᠨᠢ ᠪᠠᠢ᠌ᠯᠭ᠋ᠠᠭᠰᠠᠨ᠎ᠨᠢ ᠭᠣᠣᠯᠳᠠᠭᠤ ᠲᠤᠬᠠᠶ ᠵᠢᠨ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠡᠪᠴᠢᠶ᠎ᠡ ᠨᠡᠯᠢᠶᠡᠳ ᠪᠠᠭ᠎ᠠ᠂ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠬᠤ ᠥᠭᠡᠷᠡᠴᠢᠯᠡᠯᠲᠡ ᠬᠢᠬᠦ᠎ᠳᠤ ᠬᠦᠴᠢᠷ ᠪᠡᠷᠬᠡ ᠨᠡᠯᠢᠶᠡᠳ ᠶᠡᠬᠡ᠂ ᠴᠠᠭ ᠲᠣᠬᠢᠶᠠᠯ ᠬᠠᠷᠠᠬᠠᠨ ᠪᠦᠷᠢᠯᠳᠦᠭᠡᠳᠦᠶ ᠪᠠᠢ᠌ᠬᠤ ᠵᠢ ᠪᠣᠳᠣᠯᠬᠢᠯᠠᠪᠠ᠃ 2009 ᠣᠨ᠎ᠳᠤ ᠤᠯᠤᠰ᠎ᠠᠴᠠ ᠬᠡᠷᠡᠭᠯᠡᠭᠡᠨ᠎ᠤ ᠬᠡᠯᠪᠡᠷᠢ ᠵᠢᠨ ᠥᠷᠲᠡᠭ ᠨᠡᠮᠡᠭᠳᠡᠯ᠎ᠤᠨ ᠭᠠᠢ᠌ᠯᠢ ᠵᠢᠨ ᠥᠭᠡᠷᠡᠴᠢᠯᠡᠯᠲᠡ ᠬᠢᠵᠦ᠂ ᠮᠠᠰᠢᠨ ᠲᠥᠬᠥᠭᠡᠷᠦᠮᠵᠢ ᠵᠢ ᠥᠷᠲᠡᠭ ᠨᠡᠮᠡᠭᠳᠡᠯ᠎ᠤᠨ ᠭᠠᠢ᠌ᠯᠢ ᠵᠢᠨ ᠲᠤᠯᠭ᠋ᠠᠨ ᠰᠠᠭᠤᠳᠬᠠᠬᠤ ᠬᠡᠪᠴᠢᠶᠡᠨ᠎ᠳᠤ ᠣᠷᠤᠭᠤᠯᠬᠤ᠎ᠪᠠᠷ ᠪᠣᠯᠪᠠ᠃ ᠳᠡᠭᠡᠷ᠎ᠡ ᠳᠤᠷᠠᠳᠤᠭᠰᠠᠨ ᠥᠭᠡᠷᠡᠴᠢᠯᠡᠯᠲᠡ ᠵᠢᠨ ᠰᠠᠭᠤᠷᠢᠨ ᠳᠡᠭᠡᠷ᠎ᠡ᠂ 2013 ᠣᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠨᠠᠰᠢ᠂ ᠤᠯᠤᠰ᠎ᠠᠴᠠ ᠵᠠᠮ ᠲᠡᠭᠡᠭᠡᠪᠦᠷᠢ ᠵᠢᠨ ᠦᠢ᠍ᠯᠡᠰ᠂ ᠣᠳᠣ ᠦᠶ᠎ᠡ ᠦᠢ᠍ᠯᠡᠴᠢᠯᠡᠭᠡᠨ᠎ᠤ ᠬᠡᠰᠡᠭ ᠠᠵᠤ ᠦᠢ᠍ᠯᠡᠰ᠂ ᠰᠢᠦᠳᠠᠨ᠎ᠤ ᠦᠢ᠍ᠯᠡᠰ ᠵᠢᠴᠢ ᠴᠠᠬᠢᠯᠭ᠋ᠠᠨ ᠬᠣᠯᠪᠣᠭ᠋ᠠᠨ᠎ᠤ ᠦᠢ᠍ᠯᠡᠰ᠎ᠢ ᠤᠷᠢᠳ ᠬᠣᠵᠢᠳ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠬᠤ ᠥᠭᠡᠷᠡᠴᠢᠯᠡᠯᠲᠡ ᠵᠢᠨ ᠲᠤᠷᠰᠢᠯᠲᠠ ᠬᠢᠬᠦ ᠬᠡᠪᠴᠢᠶᠡᠨ᠎ᠳᠤ ᠣᠷᠣᠭᠤᠯᠵᠠᠶ᠃ 2016 ᠣᠨ᠎ᠳᠤ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠬᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠪᠠᠷᠢᠯᠭ᠎ᠠ ᠵᠢᠨ ᠦᠢ᠍ᠯᠡᠰ᠂ ᠭᠡᠷ ᠪᠠᠶ᠋ᠢᠰᠢᠩ ᠭᠠᠵᠠᠷ ᠬᠦᠷᠦᠩᠭᠡ ᠵᠢᠨ ᠦᠢ᠍ᠯᠡᠰ᠂ ᠮᠥᠩᠭᠥᠨ ᠭᠦᠢ᠍ᠯᠭᠡᠭᠡᠨ᠎ᠤ ᠦᠢ᠍ᠯᠡᠰ᠂ ᠠᠮᠢᠳᠤᠷᠠᠯ᠎ᠤᠨ ᠦᠢ᠍ᠯᠡᠴᠢᠯᠡᠭᠡᠨ᠎ᠤ ᠦᠢ᠍ᠯᠡᠰ᠎ᠢ ᠲᠤᠷᠰᠢᠯᠲᠠ ᠬᠢᠬᠦ ᠬᠡᠪᠴᠢᠶᠡᠨ᠎ᠳᠤ ᠣᠷᠤᠭᠤᠯᠤᠭᠰᠠᠨ ᠪᠥᠭᠡᠳ ᠪᠤᠢ ᠪᠦᠬᠦᠢ ᠠᠵᠤ ᠠᠬᠤᠶ᠋ᠢᠯᠠᠯ᠎ᠤᠨ ᠰᠢᠨ᠎ᠡ᠎ᠪᠠᠷ ᠨᠡᠮᠡᠭᠳᠡᠭᠰᠡᠨ ᠲᠣᠭᠲᠠᠮᠠᠯ ᠬᠦᠷᠦᠩᠭᠡ᠎ᠳᠤ ᠠᠭᠤᠯᠬᠤ ᠦᠷᠳᠡᠭ ᠨᠡᠮᠡᠭᠳᠡᠯ᠎ᠤᠨ ᠭᠠᠶ᠋ᠢᠯᠢ ᠵᠢ ᠲᠤᠯᠭ᠋ᠠᠨ ᠰᠠᠭᠤᠳᠬᠠᠬᠤ ᠬᠡᠪᠴᠢᠶᠡᠨ᠎ᠳᠤ ᠣᠷᠣᠭᠤᠯᠵᠤ᠂ ᠡᠵᠡᠩᠨᠡᠯᠲᠡ ᠵᠢᠨ ᠭᠠᠶ᠋ᠢᠯᠢ ᠵᠢ ᠲᠤᠶ᠋ᠢᠯᠪᠤᠷᠢᠲᠠᠶ ᠬᠦᠴᠦᠨ ᠦᠬᠡᠢ ᠪᠣᠯᠭ᠋ᠠᠪᠠ᠃ ᠬᠣᠢ᠌ᠰᠢᠲᠠ᠂ ᠦᠷᠲᠡᠭ ᠨᠡᠮᠡᠭᠳᠡᠯ᠎ᠤᠨ ᠭᠠᠶ᠋ᠢᠯᠢ ᠵᠢᠨ ᠥᠭᠡᠷᠡᠴᠢᠯᠡᠯᠲᠡ ᠳᠤᠮᠳᠠ ᠦᠷᠭᠦᠯᠵᠢᠯᠡᠨ ᠲᠡᠭᠦᠯᠳᠡᠷᠵᠢᠭᠦᠯᠬᠦ ᠵᠢᠨ ᠬᠠᠮᠲᠤ ᠬᠠᠤᠯᠢ ᠲᠣᠭᠲᠠᠭ᠋ᠠᠬᠤ᠎ᠪᠠᠷ ᠳᠠᠮᠵᠢᠭᠤᠯᠤᠨ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠪᠡᠬᠢᠵᠢᠭᠦᠯᠵᠦ᠂ ᠨᠡᠯᠢᠶᠡᠳ ᠵᠢᠷᠤᠮᠵᠢᠭᠰᠠᠨ ᠬᠡᠷᠡᠭᠯᠡᠭᠡᠨ᠎ᠤ ᠬᠡᠯᠪᠡᠷᠢ ᠵᠢᠨ ᠥᠷᠲᠡᠭ ᠨᠡᠮᠡᠭᠳᠡᠯ᠎ᠤᠨ ᠭᠠᠢ᠌ᠯᠢ ᠵᠢᠨ ᠳᠦᠷᠢᠮ ᠡᠴᠦᠰ᠎ᠲᠡᠭᠡᠨ ᠲᠣᠭᠲᠠᠭ᠋ᠠᠭᠳᠠᠬᠤᠨᠢ ᠳᠠᠮᠵᠢᠭ
ᠦᠭᠡᠢ᠃
ᠬᠦᠲᠦᠯᠦᠭᠴᠢ᠄
ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠤᠯᠭ᠋ᠠᠬᠤ ᠦᠭᠡᠷᠡᠴᠢᠯᠡᠯᠲᠡ ᠵᠢ ᠪᠦᠬᠦ ᠲᠠᠯ᠎ᠠ᠎ᠪᠠᠷ ᠬᠡᠷᠡᠭᠵᠢᠬᠦᠯᠬᠦ᠎ᠨᠢ ᠶᠠᠮᠠᠷ ᠶᠠᠮᠠᠷ ᠠᠴᠢ ᠬᠣᠯᠪᠣᠭᠳᠠᠯ᠎ᠲᠠᠢ ᠪᠤᠢ?
ᠹᠸᠨᠭ ᠵᠢᠶᠠᠨ ᠵᠦᠨᠭ᠄
ᠣᠳᠣᠬᠠᠨ᠎ᠤ ᠪᠠᠶ᠋ᠢᠳᠠᠯ ᠳᠣᠣᠷ᠎ᠠ᠂ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠤᠯᠭ᠋ᠠᠬᠤ ᠦᠬᠡᠷᠡᠴᠢᠯᠡᠯᠲᠡ ᠵᠢ ᠪᠦᠬᠦ ᠲᠠᠯ᠎ᠠ᠎ᠪᠠᠷ ᠬᠡᠷᠡᠭᠵᠢᠬᠦᠯᠬᠦ᠎ᠨᠢ᠄ ᠨᠢᠭᠡ᠎ᠳᠤ᠂ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠤᠯᠭ᠋ᠠᠬᠤ ᠦᠭᠡᠷᠡᠴᠢᠯᠡᠯᠲᠡ ᠵᠢᠨ ᠲᠤᠷᠰᠢᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠨᠡᠯᠢᠶᠡᠳ ᠪᠦᠷᠢᠨ ᠪᠦᠲᠦᠨ ᠬᠡᠷᠡᠭᠯᠡᠭᠡᠨ᠎ᠤ ᠬᠡᠯᠪᠡᠷᠢ ᠵᠢᠨ ᠦᠷᠳᠡᠭ ᠨᠡᠮᠡᠭᠳᠡᠯ᠎ᠤᠨ ᠭᠠᠶ᠋ᠢᠯᠢ ᠵᠢᠨ ᠳᠦᠷᠢᠮ᠎ᠢ ᠪᠠᠢ᠌ᠭᠤᠯᠬᠤ ᠪᠤᠯ ᠡᠳ᠋᠎ᠤᠨ ᠵᠠᠰᠠᠭ ᠭᠠᠶ᠋ᠢᠯᠢ ᠵᠢᠨ ᠪᠠᠶ᠋ᠢᠭᠤᠯᠤᠯ᠎ᠤᠨ ᠥᠭᠡᠷᠡᠴᠢᠯᠡᠯᠲᠡ᠎ᠳᠠᠬᠢ ᠪᠠᠶ᠋ᠢᠭᠤᠯᠤᠯ ᠲᠣᠭᠲᠠᠴᠠ ᠵᠢᠨ ᠰᠢᠨ᠎ᠡ ᠵᠢ ᠡᠭᠦᠳᠦᠯᠲᠡ ᠪᠤᠯᠬᠤᠷ᠂ ᠤᠯᠤᠰ ᠣᠷᠣᠨ᠎ᠤ ᠵᠠᠰᠠᠯᠲᠠ ᠵᠢᠨ ᠰᠢᠰᠲᠸᠮᠵᠢ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠲᠦᠯᠬᠢᠨ ᠠᠬᠢᠭᠤᠯᠵᠤ᠂ ᠰᠢᠨ᠎ᠡ ᠬᠥᠳᠡᠯᠭᠡᠭᠴᠢ ᠬᠦᠴᠦᠨ᠎ᠢ ᠪᠣᠶ᠋ᠢᠵᠢᠭᠤᠯᠤᠨ ᠬᠦᠭᠵᠢᠬᠦᠯᠬᠦ᠎ᠳᠤ ᠢᠳᠡᠪᠬᠢᠲᠠᠢ ᠠᠴᠢ ᠬᠣᠯᠪᠣᠭᠳᠠᠯ᠎ᠲᠠᠢ ᠶᠤᠮ᠃
ᠬᠣᠶᠠᠷ᠎ᠲᠤ᠂ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠤᠯᠭ᠋ᠠᠬᠤ ᠦᠭᠡᠷᠡᠴᠢᠯᠡᠯᠲᠡ ᠵᠢᠨ ᠲᠤᠷᠰᠢᠯᠲᠠ ᠵᠢ ᠪᠦᠬᠦ ᠲᠠᠯ᠎ᠠ᠎ᠪᠠᠷ ᠬᠡᠷᠡᠭᠵᠢᠬᠦᠯᠬᠦ᠎ᠨᠢ᠂ 2016 ᠣᠨ᠎ᠤ ᠪᠦᠬᠦ ᠤᠯᠤᠰ᠎ᠤᠨ ᠭᠠᠢ᠌ᠯᠢ ᠬᠦᠨᠭᠭᠡᠷᠡᠭᠦᠯᠦᠯᠲᠡᠨᠢ 5000 ᠭᠠᠷᠤᠶ ᠳ᠋ᠦᠩᠰᠢᠭᠤᠷ ᠲᠥᠭᠥᠷᠢᠭ᠎ᠢ ᠳᠠᠪᠠᠵᠤ᠂ ᠮᠠᠨ᠎ᠤ ᠣᠷᠣᠨ᠎ᠤ ᠭᠠᠶ᠋ᠢᠯᠢ ᠬᠦᠨᠭᠭᠡᠷᠡᠭᠦᠯᠦᠯᠲᠡ ᠵᠢᠨ ᠬᠡᠮᠵᠢᠶ᠎ᠡ᠎ᠨᠢ 87 ᠳ᠋ᠦᠨᠭᠰᠢᠭᠤᠷ ᠲᠥᠭᠥᠷᠢᠭ᠎ᠲᠤ ᠬᠦᠷᠬᠦ ᠪᠣᠯᠤᠨ᠎ᠠ᠃ ᠨᠢᠭᠡ ᠲᠠᠯ᠎ᠠ᠎ᠪᠠᠷ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢᠨ ᠠᠮᠢᠵᠢᠷᠠᠯ᠎ᠤᠨ ᠬᠦᠴᠦᠨ᠎ᠢ ᠢᠳᠡᠪᠬᠢᠲᠠᠢ ᠪᠤᠯᠭ᠋ᠠᠵᠤ᠂ ᠪᠡᠯᠡ ᠤᠷᠤᠭᠤᠯᠬᠤ ᠬᠦᠰᠡᠯ ᠡᠷᠡᠮᠡᠯᠵᠡᠯ᠎ᠢ ᠨᠡᠮᠡᠭᠳᠡᠭᠦᠯᠵᠤ᠂ ᠪᠦᠲᠦᠮᠵᠢᠲᠡᠶ ᠬᠠᠩᠭ᠋ᠠᠯᠭ᠎ᠠ ᠵᠢ ᠨᠡᠮᠡᠭᠳᠡᠭᠦᠯᠬᠦ ᠪᠤᠯᠤᠨ᠎ᠠ; ᠨᠤᠢ᠍ᠬᠦᠭᠡ ᠲᠠᠯ᠎ᠠ᠎ᠪᠠᠷ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢᠨ ᠠᠵᠤ ᠠᠬᠤᠶ ᠪᠠᠭᠤᠷᠠᠬᠤ ᠳᠠᠷᠤᠯᠲᠠ ᠵᠢ ᠡᠰᠡᠷᠭᠦᠴᠡᠨ ᠬᠣᠷᠢᠭᠯᠠᠬᠤ ᠴᠢᠳᠠᠪᠤᠷᠢ ᠵᠢ ᠳᠡᠭᠡᠭᠰᠢᠯᠡᠭᠦᠯᠬᠦ᠎ᠳᠤ ᠠᠰᠢᠭᠲᠠᠶ ᠪᠠᠢ᠌ᠵᠤ᠂ ᠠᠵᠤ ᠠᠬᠤᠶ ᠵᠢᠨ ᠬᠠᠷᠢᠮᠠᠬᠠᠢ ᠴᠢᠨᠠᠷ ᠪᠤᠯᠤᠨ ᠬᠥᠭᠵᠢᠯᠲᠡ ᠵᠢᠨ ᠰᠡᠯᠭᠦᠬᠦ ᠬᠦᠴᠦ ᠵᠢ ᠴᠢᠨᠭ᠌ᠭ᠋ᠠᠳᠬᠠᠵᠤ᠂ ᠣᠬᠣᠷ ᠬᠤᠭᠤᠴᠠᠭ᠋ᠠᠨ᠎ᠤ ᠡᠳ᠋᠎ᠤᠨ ᠵᠠᠰᠠᠭ᠎ᠤᠨ ᠣᠷᠣᠯᠭ᠎ᠠ ᠵᠢ 《ᠬᠠᠰᠤᠬᠤ》᠎ᠪᠠᠷ ᠢᠷᠡᠵᠤ ᠦᠷᠭᠦᠯᠵᠢᠯᠡᠨ ᠬᠦᠭᠵᠢᠬᠦ ᠴᠢᠳᠠᠮᠵᠢ ᠵᠢᠨ 《ᠨᠡᠮᠡᠭᠳᠡᠯ》᠎ᠢ ᠰᠤᠯᠢᠬᠤ ᠪᠤᠯᠤᠨ᠎ᠠ᠃
ᠭᠤᠷᠪᠠ᠎ᠳᠤ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠤᠯᠭ᠋ᠠᠬᠤ ᠦᠭᠡᠷᠡᠴᠢᠯᠡᠯᠲᠡ ᠵᠢᠨ ᠲᠤᠷᠰᠢᠯᠲᠠ ᠵᠢ ᠪᠦᠬᠦ ᠲᠠᠯ᠎ᠠ᠎ᠪᠠᠷ ᠬᠡᠷᠡᠭᠵᠢᠬᠦᠯᠬᠦ᠎ᠨᠢ᠂ ᠬᠣᠶᠠᠷ ᠭᠤᠷᠪᠠᠳᠤᠭ᠋ᠠᠷ ᠠᠵᠤ ᠦᠢ᠍ᠯᠡᠰ ᠪᠤᠯᠤᠨ ᠦᠢ᠍ᠯᠡᠴᠢᠯᠡᠭᠡᠨ᠎ᠤ ᠦᠢ᠍ᠯᠡᠰ᠎ᠤᠨ ᠳᠣᠲᠣᠭ᠋ᠠᠳᠤ ᠵᠢᠨ ᠰᠠᠭᠤᠳᠬᠠᠨ ᠬᠥᠩᠭᠡᠯᠡᠬᠦ ᠬᠡᠯᠬᠢᠶ᠎ᠡ ᠵᠢ ᠲᠤᠶ᠋ᠢᠯᠪᠤᠷᠢᠲᠠᠶ ᠨᠡᠪᠲᠡᠷᠡᠭᠦᠯᠵᠦ᠂ ᠳᠠᠬᠢᠨ ᠳᠠᠪᠲᠠᠨ ᠭᠠᠶ᠋ᠢᠯᠢ ᠲᠠᠲᠠᠪᠤᠷᠢᠯᠠᠬᠤ ᠵᠢ ᠠᠷᠢᠯᠭ᠋ᠠᠵᠤ᠂ ᠦᠷᠳᠡᠭ ᠨᠡᠮᠡᠭᠳᠡᠯ᠎ᠤᠨ ᠭᠠᠶ᠋ᠢᠯᠢ ᠵᠢ ᠪᠦᠷᠢᠨ ᠪᠦᠷᠬᠦᠬᠦᠯᠬᠦ ᠵᠢ ᠪᠡᠶᠡᠯᠡᠭᠦᠯᠵᠦ᠂ ᠲᠥᠪ ᠭᠣᠣᠯᠴᠢ᠂ ᠳᠤᠮᠳᠠ ᠵᠢᠨ ᠴᠢᠨᠠᠷᠲᠠᠢ ᠭᠠᠶ᠋ᠢᠯᠢ ᠲᠠᠲᠠᠪᠤᠷᠢ ᠵᠢᠨ ᠲᠦᠷᠢᠮ᠎ᠤᠨ ᠣᠷᠴᠢᠨ ᠲᠣᠭᠣᠷᠢᠨ᠎ᠢ ᠪᠤᠢ ᠪᠤᠯᠭ᠋ᠠᠬᠤ᠎ᠳᠤ ᠠᠰᠢᠭᠲᠠᠶ᠂ ᠦᠢ᠍ᠯᠡᠳᠬᠦ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠪᠠ ᠦᠢ᠍ᠯᠡᠴᠢᠯᠡᠭᠡᠨ᠎ᠤ ᠦᠢ᠍ᠯᠡᠰ᠎ᠢ ᠲᠦᠷᠭᠡᠳᠭᠡᠨ ᠬᠦᠭᠵᠢᠬᠦᠯᠬᠦ᠎ᠳᠤ ᠠᠰᠢᠭᠲᠠᠶ᠂ ᠠᠵᠤ ᠠᠬᠤᠶ ᠵᠢᠨ ᠨᠡᠮᠡᠭᠳᠡᠯ᠎ᠤᠨ ᠶᠠᠰᠤ ᠴᠢᠨᠠᠷ ᠪᠤᠯᠤᠨ ᠦᠷ᠎ᠡ ᠠᠰᠢᠭ᠎ᠢ ᠳᠡᠭᠡᠭᠰᠢᠯᠡᠭᠦᠯᠬᠦ᠎ᠳᠤ ᠠᠰᠢᠭᠲᠠᠶ ᠪᠥᠭᠡᠳ ᠲᠦᠭ ᠲᠦᠮᠡᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ᠂ ᠦᠢ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠤᠷᠮ᠎ᠠ ᠵᠣᠷᠢᠭ᠎ᠢ ᠬᠦᠭᠵᠢᠭᠡᠬᠦ ᠪᠤᠯᠤᠨ᠎ᠠ᠃
ᠬᠥᠲᠥᠯᠥᠭᠴᠢ᠄
2013 ᠣᠨ᠎ᠤ 8 ᠳ᠋ᠤᠭ᠋ᠠᠷ ᠰᠠᠷ᠎ᠠ᠎ᠠᠴᠠ ᠨᠠᠰᠢ᠂ ᠮᠠᠨ᠎ᠤ ᠣᠷᠣᠨ᠎ᠤ ᠵᠠᠮ ᠲᠡᠭᠡᠭᠡᠪᠦᠷᠢ ᠵᠢᠨ ᠦᠢ᠍ᠯᠡᠰ᠂ ᠬᠡᠰᠡᠭ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠂ ᠰᠢᠦᠳᠠᠨ᠎ᠤ ᠦᠢ᠍ᠯᠡᠰ ᠵᠢᠴᠢ ᠴᠠᠬᠢᠯᠭ᠋ᠠᠨ ᠬᠣᠯᠪᠣᠭ᠋ᠠᠨ᠎ᠤ ᠦᠢ᠍ᠯᠡᠰ ᠤᠷᠢᠳ ᠬᠤᠵᠢᠳ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠤᠯᠭ᠋ᠠᠬᠤ ᠦᠭᠡᠷᠡᠴᠢᠯᠡᠯᠲᠡ ᠵᠢᠨ ᠲᠤᠷᠰᠢᠯᠲᠠ ᠵᠢᠨ ᠬᠡᠪᠴᠢᠶᠡᠨ᠎ᠳᠤ ᠤᠷᠤᠪᠠ᠃ ᠣᠳᠣᠬᠠᠨ᠎ᠤ ᠲᠤᠷᠰᠢᠯᠲᠠ᠎ᠳᠤ ᠶᠠᠮᠠᠷ ᠶᠠᠮᠠᠷ ᠦᠷ᠎ᠡ ᠪᠦᠲᠦᠭᠡᠯ ᠣᠯᠤᠭᠰᠠᠨ᠎ᠢ ᠲᠠᠨᠢᠯᠴᠠᠭᠤᠯᠤᠭ᠋ᠠᠳ ᠥᠭᠭᠦᠨ᠎ᠡ ᠤᠤ?
ᠹᠸᠨᠭ ᠵᠢᠶᠠᠨ ᠵᠦᠨᠭ᠄
2013 ᠣᠨ᠎ᠤ 8 ᠳ᠋ᠤᠭ᠋ᠠᠷ ᠰᠠᠷ᠎ᠠ᠎ᠠᠴᠠ ᠨᠠᠰᠢ᠂ ᠮᠠᠨ᠎ᠤ ᠣᠷᠣᠨ᠎ᠤ ᠵᠠᠮ ᠲᠡᠭᠡᠭᠡᠪᠦᠷᠢ ᠵᠢᠨ ᠦᠢ᠍ᠯᠡᠰ᠂ ᠰᠢᠦᠳᠠᠨ᠎ᠤ ᠦᠢ᠍ᠯᠡᠰ᠂ ᠴᠠᠬᠢᠯᠭ᠋ᠠᠨ ᠬᠣᠯᠪᠣᠭ᠋ᠠᠨ᠎ᠤ ᠦᠢ᠍ᠯᠡᠰ ᠪᠤᠯᠤᠨ ᠬᠡᠰᠡᠭ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠤᠷᠢᠳ ᠬᠣᠵᠢᠳ ᠡᠵᠡᠩᠨᠡᠯᠲᠡ ᠵᠢᠨ ᠭᠠᠶ᠋ᠢᠯᠢ ᠵᠢ ᠦᠷᠲᠡᠭ ᠨᠡᠮᠡᠭᠳᠡᠯ᠎ᠤᠨ ᠭᠠᠢ᠌ᠯᠢ ᠪᠤᠯᠭ᠋ᠠᠬᠤ ᠦᠭᠡᠷᠡᠴᠢᠯᠡᠯᠲᠡ ᠵᠢᠨ ᠲᠤᠷᠰᠢᠯᠲᠠ ᠵᠢᠨ ᠬᠡᠪᠴᠢᠶᠡᠨ᠎ᠳᠤ ᠤᠷᠤᠵᠤ᠂ ᠢᠳᠡᠪᠬᠢᠲᠡᠶ ᠦᠷ᠎ᠡ ᠪᠦᠲᠦᠭᠡᠯ ᠣᠯᠤᠭᠰᠠᠨ ᠪᠠᠶ᠋ᠢᠨ᠎ᠠ᠃ 2016 ᠤᠨ᠎ᠤ 3 ᠳ᠋ᠤᠭ᠋ᠠᠷ ᠰᠠᠷ᠎ᠠ ᠪᠣᠯᠲᠠᠯ᠎ᠠ᠂ ᠪᠦᠬᠦ ᠤᠷᠤᠨ᠎ᠳᠤ ᠨᠡᠢ᠍ᠢ᠍ᠲᠡ 106512 ᠡᠷᠥᠭᠡ ᠭᠠᠶ᠋ᠢᠯᠢ ᠲᠤᠰᠢᠶᠠᠭᠴᠢ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠤᠯᠭ᠋ᠠᠬᠤ ᠦᠭᠡᠷᠡᠴᠢᠯᠡᠯᠲᠡ ᠵᠢᠨ ᠲᠤᠷᠰᠢᠯᠲᠠ ᠵᠢᠨ ᠬᠡᠪᠴᠢᠶᠡᠨ᠎ᠳᠤ ᠤᠷᠤᠪᠠ᠃ ᠥᠭᠡᠷᠡᠴᠢᠯᠡᠯᠲᠡ ᠬᠢᠭᠰᠡᠨ᠎ᠠᠴᠠ ᠨᠠᠰᠢ᠂ ᠤᠤᠯ᠎ᠤᠨ ᠡᠵᠡᠩᠨᠡᠯᠲᠡ ᠵᠢᠨ ᠭᠠᠶ᠋ᠢᠯᠢ ᠲᠤᠰᠢᠶᠠᠬᠤ᠎ᠲᠠᠢ ᠠᠳᠠᠯᠢᠳᠬᠠᠪᠠᠯ᠂ ᠳᠡᠭᠡᠷ᠎ᠡ ᠳᠤᠷᠠᠳᠤᠭᠰᠠᠨ ᠲᠤᠷᠰᠢᠯᠲᠠ᠎ᠳᠤ ᠭᠠᠶ᠋ᠢᠯᠢ ᠲᠤᠰᠢᠶᠠᠭᠴᠢ ᠵᠢᠨ ᠭᠠᠢ᠌ᠯᠢ ᠵᠢ ᠨᠡᠶ᠋ᠢᠲᠡ 10.3 ᠳ᠋ᠦᠨᠭᠰᠢᠭᠤᠷ ᠲᠥᠭᠥᠷᠢᠭ ᠬᠦᠨᠭᠭᠡᠷᠡᠭᠦᠯᠪᠡ; ᠤᠤᠯ᠎ᠤᠨ ᠥᠷᠲᠡᠭ ᠨᠡᠮᠡᠭᠳᠡᠯ᠎ᠤᠨ ᠭᠠᠶ᠋ᠢᠯᠢ ᠵᠢᠨ ᠡᠩ᠎ᠤᠨ ᠭᠠᠶ᠋ᠢᠯᠢ ᠲᠤᠰᠢᠶᠠᠭᠴᠢ ᠵᠢᠨ ᠰᠢᠨ᠎ᠡ᠎ᠪᠠᠷ ᠨᠡᠮᠡᠭᠳᠡᠭᠰᠡᠨ ᠭᠠᠶ᠋ᠢᠯᠢ ᠲᠤᠰᠢᠶᠠᠬᠤ ᠦᠢ᠍ᠯᠡᠴᠢᠯᠡᠭᠡᠨ᠎ᠤ ᠲᠦᠷᠦᠯ ᠵᠦᠢ᠍ᠯ᠎ᠢ ᠲᠤᠯᠭ᠋ᠠᠨ ᠰᠠᠭᠤᠳᠬᠠᠬᠤ᠎ᠳᠤ ᠨᠡᠶ᠋ᠢᠲᠡ 102.3 ᠳ᠋ᠦᠨᠭᠰᠢᠭᠤᠷ ᠲᠥᠭᠥᠷᠢᠭ᠎ᠤᠨ ᠭᠠᠶ᠋ᠢᠯᠢ ᠵᠢ ᠬᠦᠨᠭᠭᠡᠷᠡᠭᠦᠯᠵᠠᠢ᠂ ᠡᠨᠡ ᠬᠣᠶᠠᠷ᠎ᠢ ᠨᠡᠢ᠌ᠯᠡᠭᠦᠯᠪᠡᠯ᠂ ᠭᠠᠶ᠋ᠢᠯᠢ ᠲᠤᠰᠢᠶᠠᠭᠴᠢ ᠵᠢᠨ 112.6 ᠳ᠋ᠦᠨᠭᠰᠢᠭᠤᠷ ᠲᠥᠭᠥᠷᠢᠭ᠎ᠤᠨ ᠳᠠᠷᠤᠭ᠋ᠠᠰᠤ ᠵᠢ ᠬᠦᠨᠭᠭᠡᠷᠡᠭᠦᠯᠪᠡ᠃ ᠡᠵᠡᠩᠨᠡᠯᠲᠡ ᠵᠢᠨ ᠭᠠᠢ᠌ᠯᠢ ᠵᠢ ᠦᠷᠲᠡᠭ ᠨᠡᠮᠡᠭᠳᠡᠯ᠎ᠤᠨ ᠭᠠᠢ᠌ᠯᠢ ᠪᠤᠯᠭ᠋ᠠᠬᠤ ᠦᠭᠡᠷᠡᠴᠢᠯᠡᠯᠲᠡ ᠵᠢᠨ ᠲᠤᠷᠰᠢᠯᠲᠠ ᠵᠢᠨ ᠭᠠᠶ᠋ᠢᠯᠢ ᠲᠤᠰᠢᠶᠠᠭᠴᠢ ᠵᠢᠨ ᠳᠠᠷᠤᠭ᠋ᠠᠰᠤ ᠵᠢ ᠬᠦᠨᠭᠭᠡᠷᠡᠭᠦᠯᠵᠤ᠂ ᠠᠵᠤ ᠠᠬᠤᠶ᠋ᠢᠯᠠᠯ᠎ᠤᠨ ᠭᠣᠣᠯ ᠳᠡᠳ᠋᠎ᠢ ᠰᠠᠯᠭ᠋ᠠᠬᠤ᠂ ᠲᠥᠬᠥᠭᠡᠷᠦᠮᠵᠢ ᠵᠢ ᠰᠢᠨᠡᠳᠬᠡᠬᠦ ᠵᠢ ᠠᠬᠢᠭᠤᠯᠵᠤ ᠂ ᠠᠵᠤ ᠦᠢ᠍ᠯᠡᠰ᠎ᠤᠨ ᠪᠦᠲᠦᠴᠡ ᠵᠶ᠋ᠠᠨ ᠬᠤᠪᠢᠷᠠᠭᠤᠯᠤᠨ ᠳᠡᠰ ᠳᠡᠪᠰᠢᠭᠦᠯᠬᠦ ᠵᠢ ᠠᠬᠢᠭᠤᠯᠵᠤ᠂ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠲᠤ ᠪᠠᠷᠤᠭ 338 ᠳ᠋ᠦᠨᠭᠰᠢᠭᠤᠷ ᠲᠥᠭᠥᠷᠢᠭ᠎ᠤᠨ ᠬᠤᠪᠢ ᠨᠡᠮᠡᠷᠢ ᠦᠵᠡᠭᠦᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠵᠢᠨ ᠬᠥᠭᠵᠢᠯᠲᠡ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠪᠠᠶ᠋ᠢᠨ᠎ᠠ᠃
ᠬᠥᠲᠥᠯᠥᠭᠴᠢ᠄
2016 ᠣᠨ᠎ᠳᠤ ᠡᠵᠡᠩᠨᠡᠯᠲᠡ ᠵᠢᠨ ᠭᠠᠶ᠋ᠢᠯᠢ ᠵᠢ ᠤᠢ᠍ᠷᠳᠡᠭ ᠨᠡᠮᠡᠭᠳᠡᠯ᠎ᠤᠨ ᠭᠠᠢ᠌ᠯᠢ ᠪᠤᠯᠭ᠋ᠠᠬᠤ ᠦᠬᠡᠷᠡᠴᠢᠯᠡᠯᠲᠡ ᠵᠢ ᠪᠦᠬᠦ ᠲᠠᠯ᠎ᠠ᠎ᠪᠠᠷ ᠬᠡᠷᠡᠭᠵᠢᠬᠦᠯᠬᠦ ᠭᠣᠣᠯ ᠠᠭᠤᠯᠭ᠎ᠠ ᠵᠢ ᠲᠠᠨᠢᠯᠴᠠᠭᠤᠯᠤᠭ᠋ᠠᠳ ᠦᠭᠭᠦᠨ᠎ᠡ ᠤᠤ?
ᠹᠸᠨᠭ ᠵᠢᠶᠠᠨ ᠵᠦᠨᠭ᠄
ᠲᠦᠷᠦ ᠵᠢᠨ ᠶᠠᠪᠤᠳᠠᠯ᠎ᠤᠨ ᠬᠤᠷᠢᠶ᠎ᠠ 2016 ᠣᠨ᠎ᠳᠤ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠤᠯᠭ᠋ᠠᠬᠤ ᠦᠭᠡᠷᠡᠴᠢᠯᠡᠯᠲᠡ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠲᠤᠷᠰᠢᠯᠲᠠ ᠵᠢᠨ ᠬᠡᠪᠴᠢᠶ᠎ᠡ ᠵᠢ ᠪᠠᠷᠢᠯᠭ᠎ᠠ ᠵᠢᠨ ᠦᠢ᠍ᠯᠡᠰ᠂ ᠭᠡᠷ ᠪᠠᠶ᠋ᠢᠰᠢᠩ ᠭᠠᠵᠠᠷ ᠬᠦᠷᠦᠩᠭᠡ ᠵᠢᠨ ᠦᠢ᠍ᠯᠡᠰ᠂ ᠮᠥᠩᠭᠥᠨ ᠭᠦᠢ᠍ᠯᠭᠡᠭᠡᠨ᠎ᠤ ᠦᠢ᠍ᠯᠡᠰ᠂ ᠠᠮᠢᠳᠤᠷᠠᠯ᠎ᠤᠨ ᠦᠢ᠍ᠯᠡᠴᠢᠯᠡᠭᠡᠨ᠎ᠤ ᠦᠢ᠍ᠯᠡᠰ ᠬᠦᠷᠲᠡᠯ᠎ᠡ ᠦᠷᠭᠡᠳᠭᠡᠬᠦ ᠵᠢᠨ ᠬᠠᠮᠲᠤ᠂ ᠪᠤᠢ ᠪᠦᠬᠦᠢ ᠠᠵᠤ ᠠᠬᠤᠶ᠋ᠢᠯᠠᠯ᠎ᠤᠨ ᠰᠢᠨ᠎ᠡ᠎ᠪᠠᠷ ᠨᠡᠮᠡᠭᠳᠡᠭᠰᠡᠨ ᠦᠯᠦ ᠬᠦᠳᠡᠯᠬᠦ ᠬᠦᠷᠦᠩᠭᠡ ᠵᠢᠨ ᠠᠭᠤᠯᠬᠤ ᠦᠷᠳᠡᠭ ᠨᠡᠮᠡᠭᠳᠡᠯ᠎ᠤᠨ ᠭᠠᠶ᠋ᠢᠯᠢ ᠵᠢ ᠲᠤᠯᠭ᠋ᠠᠨ ᠰᠠᠭᠤᠳᠬᠠᠬᠤ ᠬᠡᠪᠴᠢᠶᠡᠨ᠎ᠳᠤ ᠣᠷᠣᠭᠤᠯᠵᠤ᠂ ᠪᠤᠢ ᠪᠦᠬᠦᠢ ᠠᠵᠢᠯ ᠲᠥᠷᠥᠯ᠎ᠤᠨ ᠭᠠᠶ᠋ᠢᠯᠢ ᠵᠢᠨ ᠡᠭᠦᠷᠭᠡᠯᠡᠯ᠎ᠢ ᠪᠠᠭ᠋ᠠᠰᠬᠠᠬᠤ᠎ᠠᠴᠠ ᠪᠢᠰᠢ ᠨᠡᠮᠡᠭᠳᠡᠭᠦᠯᠬᠦ ᠦᠭᠡᠶ ᠪᠠᠢ᠌ᠬᠤ ᠵᠢ ᠦᠨᠡᠨ ᠬᠦ᠌ ᠪᠠᠲᠤᠯᠠᠬᠤ ᠪᠤᠯᠤᠨ᠎ᠠ᠃ ᠭᠣᠣᠯ ᠠᠭᠤᠯᠭ᠎ᠠ᠎ᠨᠢ ᠬᠡᠪᠡᠯ᠄
ᠨᠢᠭᠡ᠎ᠳᠤ᠂ ᠲᠤᠷᠰᠢᠯᠲᠠ ᠠᠵᠢᠯ ᠲᠦᠷᠦᠯ᠎ᠤᠨ ᠬᠦᠷᠢᠶ᠎ᠡ ᠬᠡᠪᠴᠢᠶ᠎ᠡ ᠵᠢ ᠦᠷᠭᠡᠳᠭᠡᠨ᠎ᠡ᠃ ᠪᠠᠷᠢᠯᠭ᠎ᠠ ᠵᠢᠨ ᠦᠢ᠍ᠯᠡᠰ᠂ ᠭᠡᠷ ᠪᠠᠶ᠋ᠢᠰᠢᠩ ᠭᠠᠵᠠᠷ ᠬᠦᠷᠦᠩᠭᠡ ᠵᠢᠨ ᠦᠢ᠍ᠯᠡᠰ᠂ ᠮᠥᠩᠭᠥᠨ ᠭᠦᠢ᠍ᠯᠭᠡᠭᠡᠨ᠎ᠤ ᠦᠢ᠍ᠯᠡᠰ᠂ ᠠᠮᠢᠳᠤᠷᠠᠯ᠎ᠤᠨ ᠦᠢ᠍ᠯᠡᠴᠢᠯᠡᠭᠡᠨ᠎ᠤ ᠦᠢ᠍ᠯᠡᠰ ᠵᠡᠷᠭᠡ 4 ᠠᠵᠢᠯ ᠲᠥᠷᠥᠯ᠎ᠢ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠤᠯᠭ᠋ᠠᠬᠤ ᠦᠭᠡᠷᠡᠴᠢᠯᠡᠯᠲᠡ ᠵᠢᠨ ᠲᠤᠷᠰᠢᠯᠲᠠ ᠵᠢᠨ ᠬᠦᠷᠢᠶ᠎ᠡ ᠬᠡᠪᠴᠢᠶ᠎ᠡ᠎ᠳᠤ ᠤᠷᠤᠭᠤᠯᠵᠤ᠂ ᠪᠠᠷᠠᠭ᠎ᠠ ᠪᠤᠯᠤᠨ ᠦᠢ᠍ᠯᠡᠴᠢᠯᠡᠭᠡᠨ᠎ᠤ ᠠᠵᠢᠯ ᠲᠦᠷᠦᠯ᠎ᠢ ᠪᠦᠷᠢᠨ ᠪᠦᠷᠭᠦᠭᠦᠯᠵᠤ᠂ ᠡᠵᠡᠩᠨᠡᠯᠲᠡ ᠵᠢᠨ ᠭᠠᠶ᠋ᠢᠯᠢ ᠵᠢ ᠬᠦᠴᠦᠨ ᠦᠭᠡᠢ ᠪᠤᠯᠭ᠋ᠠᠨ᠎ᠠ᠃ ᠡᠭᠦᠨ᠎ᠳᠤ᠂ ᠪᠠᠷᠢᠯᠭ᠎ᠠ ᠵᠢᠨ ᠦᠢ᠍ᠯᠡᠰ ᠪᠤᠯᠤᠨ ᠭᠡᠷ ᠪᠠᠶ᠋ᠢᠰᠢᠩ ᠭᠠᠵᠠᠷ ᠬᠥᠷᠤᠨᠭ᠌ᠭᠡ ᠵᠢᠨ ᠦᠢ᠍ᠯᠡᠰ᠎ᠤᠨ ᠲᠤᠬᠢᠷᠠᠭᠰᠠᠨ ᠭᠠᠶ᠋ᠢᠯᠢ ᠵᠢᠨ ᠨᠤᠷᠮ᠎ᠠ ᠵᠢ 11% ᠪᠠᠢ᠌ᠯᠭ᠋ᠠᠵᠤ᠂ ᠮᠥᠩᠭᠥᠨ ᠭᠦᠢ᠍ᠯᠭᠡᠭᠡᠨ᠎ᠤ ᠦᠢ᠍ᠯᠡᠰ ᠪᠤᠯᠤᠨ ᠠᠮᠢᠳᠤᠷᠠᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠲᠤᠬᠢᠷᠠᠭᠰᠠᠨ ᠭᠠᠶ᠋ᠢᠯᠢ ᠵᠢᠨ ᠨᠤᠷᠮ᠎ᠠ ᠵᠢ 6% ᠪᠠᠢ᠌ᠯᠭ᠋ᠠᠨ᠎ᠠ᠃
ᠬᠣᠶᠠᠷ᠎ᠲᠤ᠂ ᠦᠯᠦ ᠬᠥᠳᠡᠯᠬᠦ ᠬᠦᠷᠦᠨᠭᠭᠡ ᠵᠢ ᠲᠤᠯᠭ᠋ᠠᠨ ᠰᠠᠭᠤᠳᠬᠠᠬᠤ ᠬᠡᠪᠴᠢᠶᠡᠨ᠎ᠳᠤ ᠤᠷᠤᠭᠤᠯᠤᠨ᠎ᠠ᠃ 2009 ᠣᠨ᠎ᠤ ᠠᠵᠤ ᠠᠬᠤᠢ᠍ᠯᠠᠯ᠎ᠤᠨ ᠬᠤᠳᠠᠯᠳᠤᠨ ᠠᠪᠤᠭᠰᠠᠨ ᠮᠠᠰᠢᠨ ᠲᠥᠬᠥᠭᠡᠷᠦᠮᠵᠢ ᠵᠢᠨ ᠠᠭᠤᠯᠬᠤ ᠦᠷᠲᠡᠭ ᠨᠡᠮᠡᠭᠳᠡᠯ᠎ᠤᠨ ᠭᠠᠶ᠋ᠢᠯᠢ ᠵᠢ ᠲᠤᠯᠭ᠋ᠠᠨ ᠰᠠᠭᠤᠳᠬᠠᠬᠤ ᠬᠡᠪᠴᠢᠶᠡᠨ᠎ᠳᠤ ᠤᠷᠤᠭᠤᠯᠤᠭᠰᠠᠨ ᠰᠠᠭᠤᠷᠢᠨ ᠳᠡᠭᠡᠷ᠎ᠡ᠂ ᠰᠢᠨ᠎ᠡ᠎ᠪᠠᠷ ᠨᠡᠮᠡᠭᠳᠡᠭᠰᠡᠨ ᠦᠯᠦ ᠬᠥᠳᠡᠯᠬᠦ ᠬᠦ᠍ᠷᠦᠩᠭᠡ ᠵᠢ ᠲᠤᠯᠭ᠋ᠠᠨ ᠰᠠᠭᠤᠳᠬᠠᠬᠤ ᠬᠡᠪᠴᠢᠶᠡᠨ᠎ᠳᠤ ᠣᠷᠣᠭᠤᠯᠵᠤ᠂ ᠦᠢ᠍ᠯᠡᠳᠬᠦ ᠦᠢ᠍ᠯᠡᠰ᠂ ᠬᠤᠳᠠᠯᠳᠤᠭ᠋ᠠᠨ᠎ᠤ ᠦᠢ᠍ᠯᠡᠰ ᠵᠡᠷᠭᠡ ᠤᠤᠯ᠎ᠤᠨ ᠥᠷᠲᠡᠭ ᠨᠡᠮᠡᠭᠳᠡᠯ᠎ᠤᠨ ᠭᠠᠶ᠋ᠢᠯᠢ ᠲᠤᠰᠢᠶᠠᠭᠴᠢ᠂ ᠡᠰᠡᠬᠦᠯ᠎ᠡ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠤᠯᠭ᠋ᠠᠬᠤ ᠦᠭᠡᠷᠡᠴᠢᠯᠡᠯᠲᠡ ᠵᠢᠨ ᠲᠤᠷᠰᠢᠯᠲᠠ ᠵᠢᠨ ᠭᠠᠶ᠋ᠢᠯᠢ ᠲᠤᠰᠢᠶᠠᠭᠴᠢ ᠵᠢ ᠴᠥᠮ ᠰᠢᠨ᠎ᠡ᠎ᠪᠠᠷ ᠨᠡᠮᠡᠭᠳᠡᠭᠰᠡᠨ ᠦᠯᠦ ᠬᠦᠳᠡᠯᠬᠦ ᠬᠦᠷᠦᠨᠭᠭᠡ ᠵᠢᠨ ᠠᠭᠤᠯᠬᠤ ᠦᠷᠲᠡᠭ ᠨᠡᠮᠡᠭᠳᠡᠯ᠎ᠤᠨ ᠭᠠᠶ᠋ᠢᠯᠢ ᠵᠢᠨ ᠲᠤᠯᠭ᠋ᠠᠨ ᠰᠠᠭᠤᠳᠬᠠᠬᠤ ᠬᠡᠪᠴᠢᠶ᠎ᠡ᠎ᠳᠤ ᠤᠷᠤᠭᠤᠯᠵᠤ᠂ ᠣᠷᠣᠯᠭ᠎ᠠ ᠵᠢᠨ ᠲᠦᠷᠦᠯ ᠵᠦᠢ᠍ᠯ ᠵᠶ᠋ᠠᠷ ᠲᠤᠯᠭ᠋ᠠᠨ ᠰᠠᠭᠤᠳᠬᠠᠬᠤ ᠵᠢ ᠨᠡᠮᠡᠭᠳᠡᠭᠦᠯᠵᠦ᠂ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠬᠦᠨᠭᠭᠡᠷᠡᠭᠦᠯᠬᠦ ᠡᠷᠴᠢᠮ᠎ᠢ ᠴᠢᠩᠭ᠋ᠠᠷᠠᠭᠤᠯᠵᠤ᠂ ᠪᠦᠲᠦᠮᠵᠢᠲᠡᠶ ᠪᠡᠯᠡ ᠣᠷᠣᠭᠤᠯᠤᠯᠲᠠ ᠵᠢᠨ ᠦᠷᠭᠡᠵᠢᠯᠢ ᠠᠬᠢᠭᠤᠯᠬᠤ ᠪᠤᠯᠤᠨ᠎ᠠ᠃
ᠭᠤᠷᠪᠠ᠎ᠳᠤ᠂ ᠰᠢᠨ᠎ᠡ᠎ᠪᠠᠷ ᠨᠡᠮᠡᠭᠳᠡᠭᠰᠡᠨ ᠲᠤᠷᠰᠢᠯᠲᠠ ᠵᠢᠨ ᠠᠵᠢᠯ ᠲᠦᠷᠦᠯ᠎ᠤᠨ ᠤᠤᠯ᠎ᠤᠨ ᠡᠵᠡᠩᠨᠡᠯᠲᠡ ᠵᠢᠨ ᠭᠠᠶ᠋ᠢᠯᠢ ᠵᠢᠨ ᠬᠠᠷᠠᠭ᠋ᠠᠯᠵᠠᠯ᠎ᠤᠨ ᠲᠦᠷᠦ ᠵᠢᠨ ᠪᠤᠳᠤᠯᠭ᠎ᠠ ᠵᠢ ᠵᠠᠷᠴᠢᠮ ᠳᠡᠭᠡᠷ᠎ᠡ᠎ᠪᠠᠨ ᠦᠷᠭᠦᠯᠵᠢᠯᠡᠨ ᠦᠯᠡᠳᠡᠭᠡᠵᠤ᠂ ᠤᠨᠴᠠ ᠲᠤᠭᠲᠠᠭᠰᠠᠨ ᠠᠵᠢᠯ ᠲᠦᠷᠦᠯ᠎ᠳᠤ ᠰᠢᠯᠵᠢᠯᠲᠡ ᠵᠢᠨ ᠴᠢᠨᠠᠷᠲᠠᠢ ᠠᠷᠭ᠎ᠠ ᠬᠡᠮᠵᠢᠶ᠎ᠡ ᠠᠪᠴᠤ᠂ ᠦᠢ᠍ᠯᠡᠴᠢᠯᠡᠭᠡ ᠵᠢ ᠭᠠᠳᠠᠭ᠋ᠠᠳᠤ᠎ᠳᠤ ᠭᠠᠷᠭ᠋ᠠᠬᠤ᠎ᠳᠤ ᠲᠡᠭ ᠭᠠᠶ᠋ᠢᠯᠢ ᠵᠢᠨ ᠨᠤᠷᠮ᠎ᠠ ᠪᠤᠶᠤ ᠭᠠᠶ᠋ᠢᠯᠢ᠎ᠠᠴᠠ ᠬᠡᠯᠲᠦᠷᠢᠭᠦᠯᠬᠦ ᠲᠦᠷᠦ ᠵᠢᠨ ᠪᠤᠳᠤᠯᠭ᠎ᠠ ᠵᠢ ᠬᠡᠷᠡᠭᠵᠢᠬᠦᠯᠵᠤ᠂ ᠪᠤᠢ ᠪᠦᠬᠦᠢ ᠠᠵᠢᠯ ᠲᠥᠷᠥᠯ᠎ᠤᠨ ᠭᠠᠶ᠋ᠢᠯᠢ ᠵᠢᠨ ᠡᠭᠦᠷᠭᠡᠯᠡᠯ᠎ᠢ ᠪᠠᠭ᠋ᠠᠰᠬᠠᠬᠤ᠎ᠠᠴᠠ ᠪᠢᠰᠢ ᠨᠡᠮᠡᠭᠳᠡᠭᠦᠯᠬᠦ ᠦᠭᠡᠶ ᠪᠠᠢ᠌ᠬᠤ ᠵᠢ ᠦᠨᠡᠨ ᠬᠦ᠌ ᠪᠠᠲᠤᠯᠠᠨ᠎ᠠ᠃
ᠲᠦᠷᠪᠡ᠎ᠳᠤ᠂ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠤᠯᠭ᠋ᠠᠬᠤ ᠦᠭᠡᠷᠡᠴᠢᠯᠡᠯᠲᠡ ᠵᠢᠨ ᠳᠠᠷᠠᠭ᠋ᠠᠬᠢ ᠦᠷᠲᠡᠭ ᠨᠡᠮᠡᠭᠳᠡᠯ᠎ᠤᠨ ᠭᠠᠢ᠌ᠯᠢ ᠵᠢ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠬᠠᠷᠢᠭᠤᠴᠠᠵᠤ ᠲᠠᠲᠠᠪᠤᠷᠢᠯᠠᠨ᠎ᠠ᠃ ᠭᠠᠶ᠋ᠢᠯᠢ ᠲᠤᠰᠢᠶᠠᠭᠴᠢ ᠵᠢᠨ ᠪᠤᠷᠤᠯᠠᠭᠤᠯᠤᠭ᠋ᠠᠳ ᠣᠯᠤᠭᠰᠠᠨ ᠦᠯᠤ ᠬᠥᠳᠡᠯᠬᠦ ᠭᠦᠷᠤᠨᠭ᠌ᠭᠡ ᠪᠤᠯᠤᠨ ᠪᠤᠰᠤᠳ ᠬᠤᠪᠢ ᠬᠥᠮᠦᠨ᠎ᠤ ᠲᠦᠷᠢᠶᠡᠰᠦᠯᠡᠭᠰᠡᠨ ᠦᠯᠦ ᠬᠥᠳᠡᠯᠬᠦ ᠬᠦᠷᠦᠨᠭᠭᠡ ᠵᠢᠨ ᠦᠷᠳᠡᠭ ᠨᠡᠮᠡᠭᠳᠡᠯ᠎ᠤᠨ ᠭᠠᠶ᠋ᠢᠯᠢ ᠵᠢ ᠣᠷᠣᠨ ᠨᠤᠲᠤᠭ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠎ᠳᠤ ᠨᠠᠢ᠌ᠳᠠᠵᠤ ᠣᠷᠣᠯᠠᠨ ᠲᠠᠲᠠᠪᠤᠷᠢᠯᠠᠭᠤᠯᠵᠤ ᠪᠤᠯᠤᠨ᠎ᠠ᠃ ᠪᠠᠶᠠᠷᠯᠠᠯ᠎ᠠ!
ᠬᠥᠲᠥᠯᠥᠭᠴᠢ᠄
ᠬᠤᠪᠢ ᠬᠥᠮᠦᠨ ᠭᠠᠷ ᠳᠠᠮᠵᠢᠭᠰᠠᠨ ᠣᠷᠣᠨ ᠰᠠᠭᠤᠴᠠ ᠵᠢᠨ ᠭᠠᠶ᠋ᠢᠯᠢ ᠲᠠᠲᠠᠪᠤᠷᠢ ᠵᠢᠨ ᠲᠦᠷᠦ ᠵᠢᠨ ᠪᠤᠳᠤᠯᠭ᠎ᠠ᠎ᠨᠢ ᠲᠦᠭ ᠲᠦᠮᠡᠨ ᠠᠶ᠋ᠢᠯ ᠡᠷᠤᠬᠡ᠎ᠳᠤ ᠬᠣᠯᠪᠣᠭᠳᠠᠵᠤ᠂ ᠣᠯᠠᠨ ᠵᠶ᠋ᠠᠷ ᠵᠶ᠋ᠠᠨ ᠮᠠᠰᠢ ᠠᠩᠬᠠᠷᠴᠤ ᠪᠠᠶ᠋ᠢᠨ᠎ᠠ᠃ ᠲᠠ ᠨᠢᠭᠡ ᠵᠢᠱ᠌ᠢᠶ᠎ᠡ ᠲᠠᠲᠠᠵᠤ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠭᠰᠡᠨ᠎ᠤ ᠳᠠᠷᠠᠭ᠋ᠠᠬᠢ ᠬᠤᠪᠢ ᠬᠥᠮᠦᠨ᠎ᠤ ᠭᠠᠷ ᠳᠠᠮᠵᠢᠭᠰᠠᠨ ᠣᠷᠣᠨ ᠰᠠᠭᠤᠴᠠ ᠵᠢᠨ ᠭᠠᠶ᠋ᠢᠯᠢ ᠵᠢᠨ ᠡᠭᠦᠷᠭᠡᠯᠡᠯ᠎ᠤᠨ ᠬᠤᠪᠢᠷᠠᠯᠲᠠ ᠵᠢᠨ ᠪᠠᠶ᠋ᠢᠳᠠᠯ᠎ᠢ ᠲᠣᠲᠣᠷᠬᠠᠢ᠌ᠯᠠᠵᠤ ᠥᠭᠭᠦᠨ᠎ᠡ ᠤᠤ?
ᠹᠸᠩ ᠵᠢᠶᠠᠨ ᠵᠦᠩ᠄
ᠲᠤᠰ ᠤᠳᠠᠭ᠋ᠠᠨ᠎ᠤ ᠥᠭᠡᠷᠡᠴᠢᠯᠡᠯᠲᠡ᠎ᠳᠤ᠂ ᠤᠯᠤᠰ᠎ᠠᠴᠠ ᠬᠤᠪᠢ ᠬᠥᠮᠦᠨ᠎ᠤ ᠣᠷᠣᠨ ᠰᠠᠭᠤᠴᠠ ᠵᠢᠨ ᠭᠠᠶ᠋ᠢᠯᠢ ᠲᠠᠲᠠᠪᠤᠷᠢ ᠵᠢᠨ ᠲᠦᠷᠦ ᠵᠢᠨ ᠪᠤᠳᠤᠯᠭ᠎ᠠ ᠵᠢ ᠲᠤᠢ᠌ᠯ᠎ᠤᠨ ᠪᠣᠯᠭᠣᠮᠵᠢᠲᠠᠢ ᠰᠤᠳᠤᠯᠤᠨ ᠲᠣᠭᠲᠠᠭ᠋ᠠᠵᠠᠢ᠂ ᠬᠤᠷᠢᠶᠠᠩᠭᠤᠢ᠌ᠯᠠᠪᠠᠯ ᠳᠠᠷᠤᠢ 《ᠲᠣᠭᠲᠠᠭᠤᠨ ᠪᠠᠢ᠌ᠯᠭ᠋ᠠᠬᠤ》 ᠭᠡᠰᠡᠨ ᠦᠭᠡ ᠪᠣᠯᠣᠨ᠎ᠠ᠂ ᠥᠭᠡᠷ᠎ᠡ᠎ᠪᠠᠷ ᠬᠡᠯᠡᠪᠡᠯ ᠬᠤᠪᠢ ᠬᠥᠮᠦᠨ᠎ᠤ ᠭᠠᠷ ᠳᠠᠮᠵᠢᠭᠰᠠᠨ ᠣᠷᠣᠨ ᠰᠠᠭᠤᠴᠠ ᠵᠢᠨ ᠠᠷᠠᠯᠵᠢᠶᠠᠨ᠎ᠤ ᠭᠠᠶ᠋ᠢᠯᠢ ᠵᠢᠨ ᠡᠭᠦᠷᠭᠡᠯᠡᠯ᠎ᠢ ᠦᠨᠳᠦᠰᠦᠨ᠎ᠳᠡᠭᠡᠨ ᠲᠣᠭᠲᠠᠪᠤᠷᠢᠲᠠᠶ ᠪᠠᠢ᠌ᠯᠭ᠋ᠠᠨ᠎ᠠ᠂ ᠡᠨᠡ ᠲᠥᠰᠦᠯ ᠳᠤ ᠭᠠᠷ ᠳᠠᠮᠵᠢᠭᠰᠠᠨ ᠣᠷᠣᠨ ᠰᠠᠭᠤᠴᠠ ᠵᠢᠨ ᠡᠵᠡᠩᠨᠡᠯᠲᠡ ᠵᠢᠨ ᠭᠠᠢ᠌ᠯᠢ ᠲᠠᠲᠠᠪᠤᠷᠢ ᠵᠢᠨ ᠲᠥᠷᠥ ᠵᠢᠨ ᠪᠣᠳᠣᠯᠭ᠎ᠠ ᠪᠣᠯᠣᠨ ᠭᠠᠶ᠋ᠢᠯᠢ᠎ᠠᠴᠠ ᠬᠡᠯᠲᠦᠷᠢᠭᠦᠯᠬᠦ ᠲᠦᠷᠦ ᠵᠢᠨ ᠪᠤᠳᠤᠯᠭ᠎ᠠ ᠵᠢ ᠦᠨᠳᠦᠰᠦᠨ᠎ᠳᠡᠭᠡᠨ ᠰᠢᠭᠤᠳ ᠡᠰᠢᠯᠡᠨ ᠬᠡᠷᠡᠭᠯᠡᠪᠡ᠃ ᠵᠢᠱ᠌ᠢᠶᠡᠯᠡᠪᠡᠯ᠂ ᠨᠢᠭᠡᠨ ᠰᠦᠯᠵᠢᠶᠡᠨ᠎ᠤ ᠠᠨᠳᠠ ᠬᠤᠳᠠᠯᠳᠤᠨ ᠠᠪᠤᠭ᠋ᠠᠳ 2 ᠵᠢᠯ ᠪᠣᠯᠣᠭᠰᠠᠨ ᠪᠠᠶ᠋ᠢᠰᠢᠩ ᠵᠶ᠋ᠠᠨ 100 ᠲᠦᠮᠡᠨ ᠲᠥᠭᠥᠷᠢᠭ ᠵᠶ᠋ᠠᠷ ᠬᠤᠳᠠᠯᠳᠤᠬᠤ ᠭᠡᠵᠡᠢ᠂ ᠥᠭᠡᠷᠡᠴᠢᠯᠡᠯᠲᠡ ᠬᠢᠬᠦ᠎ᠠᠴᠠ ᠡᠮᠦᠨᠡᠬᠢ ᠡᠵᠡᠩᠨᠡᠯᠲᠡ ᠵᠢᠨ ᠭᠠᠶ᠋ᠢᠯᠢ ᠵᠢ 5% ᠵᠢᠨ ᠨᠤᠷᠮ᠎ᠠ᠎ᠪᠠᠷ ᠪᠤᠳᠤᠨ᠎ᠠ᠂ ᠲᠡᠭᠡᠪᠡᠯ 100 ᠲᠦᠮᠡᠨ ᠲᠥᠬᠥᠷᠢᠭᠢ 5%᠎ᠪᠠᠷ ᠦᠷᠡᠵᠢᠭᠦᠯᠪᠡᠯ᠂ 5 ᠲᠦᠮᠡᠨ ᠲᠥᠭᠥᠷᠢᠭ᠎ᠤᠨ ᠡᠵᠡᠩᠨᠡᠯᠲᠡ ᠵᠢᠨ ᠭᠠᠶ᠋ᠢᠯᠢ ᠲᠤᠰᠢᠶᠠᠬᠤ ᠴᠢᠬᠤᠯᠠᠲᠠᠶ; ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠭᠰᠡᠨ᠎ᠤ ᠳᠠᠷᠠᠭ᠎ᠠ᠂ ᠪᠠᠶ᠋ᠢᠰᠢᠩ᠎ᠤᠨ ᠦᠨᠡᠨ᠎ᠢ ᠮᠥᠨ ᠯᠡ 100 ᠲᠦᠮᠡᠨ ᠲᠥᠭᠥᠷᠢᠭ ᠬᠦᠷᠬᠦ ᠪᠠᠢ᠌ᠳᠠᠯ ᠳᠣᠣᠷ᠎ᠠ 5% ᠵᠢᠨ ᠭᠠᠢ᠌ᠯᠢ ᠲᠠᠲᠠᠪᠤᠷᠢᠯᠠᠬᠤ᠎ᠪᠠᠷ ᠪᠤᠳᠤᠪᠠᠯ᠂ 100 ÷ (1+5%)× 5% =47600 ᠲᠥᠭᠥᠷᠢᠭ᠂ 47600 ᠲᠥᠬᠥᠷᠢᠭ᠎ᠤᠨ ᠦᠷᠳᠡᠭ ᠨᠡᠮᠡᠭᠳᠡᠯ᠎ᠤᠨ ᠭᠠᠶ᠋ᠢᠯᠢ ᠲᠤᠰᠢᠶᠠᠬᠤ ᠴᠢᠬᠤᠯᠠᠲᠠᠶ ᠪᠠᠢ᠌ᠵᠤ᠂ ᠡᠵᠡᠩᠨᠡᠯᠲᠡ ᠵᠢᠨ ᠭᠠᠶ᠋ᠢᠯᠢ᠎ᠲᠠᠢ ᠬᠠᠷᠢᠴᠠᠭᠤᠯᠪᠠᠯ 2400 ᠲᠥᠭᠥᠷᠢᠭ ᠪᠠᠭᠤᠷᠠᠪᠠ; ᠳᠠᠷᠤᠢ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠭᠰᠡᠨ᠎ᠤ ᠳᠠᠷᠠᠭ᠋ᠠᠬᠢ ᠡᠭᠦᠷᠭᠡᠯᠡᠯ᠎ᠨᠢ 4.76% ᠪᠣᠯᠵᠤ᠂ 0.24 ᠵᠠᠭᠤᠨ᠎ᠤ ᠴᠡᠭ ᠵᠶ᠋ᠡᠷ ᠪᠠᠭᠤᠷᠠᠪᠠ᠃ ᠡᠭᠦᠨ᠎ᠤ ᠵᠠᠩᠭᠢᠯᠠᠭ᠎ᠠ᠎ᠨᠢ ᠭᠠᠶ᠋ᠢᠯᠢ ᠵᠢᠨ ᠰᠠᠭᠤᠷᠢᠨ᠎ᠢ ᠠᠳᠠᠯᠢ ᠦᠭᠡᠶ᠄ ᠡᠵᠡᠩᠨᠡᠯᠲᠡ ᠵᠢᠨ ᠭᠠᠶ᠋ᠢᠯᠢ ᠪᠣᠯ ᠭᠠᠶ᠋ᠢᠯᠢ ᠵᠢ ᠪᠠᠭᠲᠠᠭ᠋ᠠᠭᠰᠠᠨ 100 ᠲᠦᠮᠡᠨ ᠲᠥᠬᠥᠷᠢᠭ᠎ᠠᠴᠠ ᠭᠠᠢ᠌ᠯᠢ ᠲᠠᠲᠠᠪᠤᠷᠢᠯᠠᠵᠤ᠂ ᠣᠳᠣᠬᠢ ᠤᠢ᠍ᠷᠳᠡᠭ ᠨᠡᠮᠡᠭᠳᠡᠯ᠎ᠤᠨ ᠭᠠᠶ᠋ᠢᠯᠢ ᠪᠣᠯ ᠭᠠᠶ᠋ᠢᠯᠢ ᠵᠢ ᠪᠠᠭᠲᠠᠭ᠋ᠠᠭᠰᠠᠨ ᠦᠭᠡᠢ 95.2 ᠲᠦᠮᠡᠨ ᠲᠥᠭᠥᠷᠢᠭ᠎ᠠᠴᠠ ᠭᠠᠶ᠋ᠢᠯᠢ ᠲᠠᠲᠠᠪᠤᠷᠢᠯᠠᠬᠤ ᠪᠣᠯᠣᠨ᠎ᠠ᠃ ᠡᠶ᠋ᠢᠮᠦ᠎ᠠᠴᠠ᠂ ᠡᠨᠡ ᠰᠦᠯᠵᠢᠶᠡᠨ ᠠᠨᠳᠠ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠭᠰᠡᠨ᠎ᠤ ᠳᠠᠷᠠᠭ᠎ᠠ ᠭᠠᠷ ᠳᠠᠮᠵᠢᠭᠰᠠᠨ ᠣᠷᠣᠨ ᠰᠠᠭᠤᠴᠠ ᠵᠢ ᠠᠷᠠᠯᠵᠢᠶᠠᠯᠠᠬᠤ᠎ᠳᠤ ᠭᠠᠶ᠋ᠢᠯᠢ ᠵᠢᠨ ᠡᠭᠦᠷᠭᠡᠯᠡᠯ᠎ᠨᠢ ᠨᠡᠮᠡᠭᠳᠡᠭᠰᠡᠨ ᠦᠭᠡᠢ᠎ᠪᠠᠷ ᠪᠠᠷᠠᠬᠤ ᠦᠭᠡᠢ᠂ ᠪᠠᠰᠠ ᠪᠠᠭ᠎ᠠ ᠪᠠᠭᠤᠷᠠᠵᠠᠢ᠃
ᠬᠥᠲᠥᠯᠥᠭᠴᠢ᠄
ᠹᠸᠡᠭ ᠳᠠᠷᠤᠭ᠎ᠠ ᠡ᠂ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠭᠰᠡᠨ᠎ᠤ ᠲᠠᠷᠠᠭ᠎ᠠ ᠠᠯᠢᠪᠠ ᠠᠵᠢᠯ ᠲᠥᠷᠥᠯ᠎ᠤᠨ ᠭᠠᠶ᠋ᠢᠯᠢ ᠵᠢᠨ ᠡᠭᠦᠷᠭᠡᠯᠡᠯ᠎ᠢ ᠪᠠᠭ᠋ᠠᠰᠬᠠᠬᠤ᠎ᠠᠴᠠ ᠪᠢᠰᠢ ᠨᠡᠮᠡᠭᠳᠡᠭᠦᠯᠬᠦ ᠦᠭᠡᠶ ᠪᠠᠢ᠌ᠬᠤ ᠵᠢ ᠬᠡᠷᠬᠢᠨ ᠪᠠᠲᠤᠯᠠᠬᠤ ᠪᠤᠢ?
ᠹᠸᠩ ᠵᠢᠶᠠᠨ ᠵᠦᠩ᠄
ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠬᠤ ᠥᠭᠡᠷᠴᠢᠯᠡᠯᠲᠡ ᠵᠢᠨ ᠲᠤᠷᠰᠢᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠲᠥᠰᠦᠯ᠎ᠢ ᠳᠣᠷᠣᠭᠰᠢ ᠪᠠᠭᠤᠯᠭ᠋ᠠᠭᠰᠠᠨ᠎ᠤ ᠳᠠᠷᠠᠭ᠎ᠠ᠂ ᠳᠡᠭᠡᠪᠦᠷ ᠵᠢᠷᠤᠭ ᠲᠥᠯᠥᠪᠯᠡᠭᠡ ᠵᠢᠨ ᠳᠡᠰ ᠳᠠᠪᠬᠤᠷᠭ᠎ᠠ᠎ᠠᠴᠠ᠂ ᠪᠢᠳᠠ ᠲᠥᠰᠦᠯ᠎ᠨᠢ ᠭᠠᠶ᠋ᠢᠯᠢ ᠵᠢᠨ ᠡᠭᠦᠷᠭᠡᠯᠡᠯ᠎ᠢ ᠪᠠᠭ᠋ᠠᠰᠬᠠᠬᠤ᠎ᠠᠴᠠ ᠪᠢᠰᠢ ᠨᠡᠮᠡᠭᠳᠡᠭᠦᠯᠬᠦ ᠦᠭᠡᠶ ᠲᠦᠷᠦ ᠵᠢᠨ ᠪᠤᠳᠤᠯᠭ᠎ᠠ᠎ᠪᠠᠷ ᠤᠳᠤᠷᠢᠳᠤᠮᠵᠢ ᠪᠣᠯᠭ᠋ᠠᠭᠰᠠᠨ᠎ᠢ ᠣᠯᠵᠤ ᠬᠠᠷᠠᠵᠠᠢ᠃ ᠲᠥᠷᠥ ᠵᠢᠨ ᠪᠣᠳᠣᠯᠭ᠎ᠠ ᠵᠢᠨ ᠬᠡᠷᠡᠭᠵᠢᠭᠦᠯᠦᠯᠲᠡ ᠵᠢᠨ ᠲᠠᠯ᠎ᠠ᠎ᠠᠴᠠ ᠠᠪᠴᠤ ᠬᠡᠯᠡᠪᠡᠯ᠂ ᠡᠳ᠋᠎ᠤᠨ ᠵᠠᠰᠠᠭ᠎ᠤᠨ ᠶᠠᠮᠤᠨ᠂ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠎ᠠᠴᠠ ᠡᠯ᠎ᠡ ᠱᠠᠲᠤᠨ᠎ᠤ ᠡᠳ᠋᠎ᠤᠨ ᠵᠠᠰᠠᠭ ᠭᠠᠶ᠋ᠢᠯᠢ ᠵᠢᠨ ᠶᠠᠪᠤᠳᠠᠯ᠎ᠤᠨ ᠺᠠᠳ᠋ᠷ᠎ᠤᠳ ᠠᠵᠤ ᠠᠬᠤᠶ᠋ᠢᠯᠠᠯ᠎ᠤᠨ ᠡᠳ᠋᠎ᠤᠨ ᠶᠠᠪᠤᠳᠠᠯ᠎ᠤᠨ ᠠᠵᠢᠯᠲᠠᠳ᠎ᠢ ᠲᠦᠷᠭᠡᠬᠡᠨ ᠬᠠᠪᠰᠤᠷᠤᠨ ᠪᠣᠯᠪᠠᠰᠤᠷᠠᠭᠤᠯᠵᠤ᠂ ᠡᠨᠡ ᠤᠳᠠᠭ᠋ᠠᠨ᠎ᠤ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠲᠦᠷᠦ ᠵᠢᠨ ᠪᠤᠳᠤᠯᠭ᠎ᠠ ᠵᠢ ᠶᠠᠭ᠋ᠠᠬᠢᠵᠤ ᠲᠣᠭᠲᠠᠭ᠋ᠠᠭᠰᠠᠨ᠂ ᠲᠦᠷᠦ ᠵᠢᠨ ᠪᠤᠳᠤᠯᠭ᠎ᠠ ᠵᠢᠨ ᠠᠭᠤᠯᠤᠭᠳᠠᠬᠤᠨ᠎ᠨᠢ ᠶᠠᠭᠤ ᠪᠣᠯᠬᠤ᠂ ᠥᠷᠲᠡᠭ ᠨᠡᠮᠡᠭᠳᠡᠯ᠎ᠤᠨ ᠰᠢᠨ᠎ᠡ ᠲᠣᠭᠲᠠᠴᠠ ᠵᠢᠨ ᠳᠣᠣᠷ᠎ᠠ ᠬᠡᠷᠬᠢᠨ ᠭᠤᠶᠤᠴᠢᠯᠠᠨ ᠮᠡᠳᠡᠭᠦᠯᠵᠦ ᠭᠠᠶ᠋ᠢᠯᠢ ᠲᠤᠰᠢᠶᠠᠬᠤ ᠵᠢ ᠣᠢ᠌ᠯᠠᠭ᠋ᠠᠭᠤᠯᠵᠤ᠂ ᠥᠭᠡᠷᠡᠴᠢᠯᠡᠯᠲᠡ ᠵᠢᠨ ᠲᠤᠢ᠍ᠷᠦ ᠵᠢᠨ ᠪᠤᠳᠦᠯᠭ᠎ᠠ ᠵᠢ ᠲᠡᠷᠡ ᠴᠢᠭ ᠵᠶ᠋ᠠᠷ᠎ᠨᠢ ᠪᠣᠳᠠᠲᠠᠶ᠎ᠳᠤ ᠨᠠᠢ᠌ᠳᠠᠪᠤᠷᠢᠵᠢᠭᠤᠯᠵᠤ᠂ ᠪᠤᠷᠤᠭᠤ ᠣᠢ᠌ᠯᠠᠭ᠋ᠠᠬᠤ᠂ ᠪᠤᠷᠤᠭᠤ ᠲᠠᠰᠤᠯᠬᠤ ᠪᠤᠶᠤ ᠵᠣᠷᠢᠭᠤᠳᠠ ᠭᠠᠢ᠌ᠯᠢ ᠵᠢᠨ ᠡᠭᠦᠷᠭᠡᠯᠡᠯ᠎ᠢ ᠨᠡᠮᠡᠭᠳᠡᠭᠦᠯᠬᠦ ᠪᠠᠢ᠌ᠳᠠᠯ ᠭᠠᠷᠬᠤ᠎ᠠᠴᠠ ᠰᠡᠷᠭᠡᠢ᠌ᠯᠡᠬᠦ ᠬᠡᠷᠡᠭᠲᠡᠢ ᠭᠡᠵᠦ ᠱᠠᠭ᠋ᠠᠷᠳᠠᠵᠠᠢ᠃ ᠣᠳᠣᠬᠠᠨ᠎ᠳᠤ᠂ ᠮᠠᠨ᠎ᠤ ᠣᠷᠣᠨ᠎ᠤ ᠡᠯ᠎ᠡ ᠱᠠᠲᠤᠨ᠎ᠤ ᠡᠳ᠋᠎ᠤᠨ ᠵᠠᠰᠠᠭ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠦᠴᠢᠷ᠎ᠤᠳ ᠤᠯᠤᠰ᠎ᠤᠨ ᠡᠳ᠋᠎ᠤᠨ ᠵᠠᠰᠠᠭ ᠭᠠᠶ᠋ᠢᠯᠢ ᠵᠢᠨ ᠶᠠᠪᠤᠳᠠᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠱᠠᠭ᠋ᠠᠷᠳᠠᠯᠭ᠎ᠠ ᠵᠢ ᠶᠠᠭ ᠲᠡᠷᠡ ᠶᠣᠰᠣᠭ᠋ᠠᠷ᠎ᠨᠢ ᠨᠠᠢ᠌ᠳᠠᠪᠤᠷᠢᠵᠢᠭᠤᠯᠵᠤ ᠪᠠᠢ᠌ᠨ᠎ᠠ᠃ ᠡᠳᠡᠭᠡᠷ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ᠎ᠨᠢ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠤᠯᠭ᠋ᠠᠬᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠬᠡᠷᠡᠭᠵᠢᠭᠦᠯᠦᠭᠰᠡᠨ᠎ᠤ ᠲᠡᠷᠡᠭ᠎ᠠ ᠪᠤᠢ ᠪᠦᠬᠦᠢ ᠠᠵᠢᠯ ᠲᠥᠷᠥᠯ᠎ᠤᠨ ᠭᠠᠶ᠋ᠢᠯᠢ ᠵᠢᠨ ᠡᠭᠦᠷᠭᠡᠯᠡᠯ᠎ᠢ ᠪᠠᠭ᠋ᠠᠰᠬᠠᠬᠤ᠎ᠠᠴᠠ ᠪᠢᠰᠢ ᠨᠡᠮᠡᠭᠳᠡᠭᠦᠯᠬᠦ ᠦᠭᠡᠶ ᠪᠠᠢ᠌ᠯᠭ᠋ᠠᠬᠤ᠎ᠳᠤ ᠪᠠᠲᠤ ᠪᠡᠬᠢ ᠰᠠᠭᠤᠷᠢ ᠲᠠᠯᠪᠢᠵᠤ ᠥᠭᠭᠦᠭᠰᠡᠨ ᠪᠠᠶ᠋ᠢᠨ᠎ᠠ᠃
ᠹᠸᠩ ᠵᠢᠶᠠᠨ ᠵᠦᠩ᠄
ᠳᠡᠭᠡᠷ᠎ᠡ ᠳᠤᠷᠠᠳᠤᠭᠰᠠᠨ ᠰᠠᠭᠤᠷᠢᠨ ᠳᠡᠭᠡᠷ᠎ᠡ᠂ ᠲᠤᠷᠰᠢᠯᠲᠠ ᠵᠢᠨ ᠭᠠᠶ᠋ᠢᠯᠢ ᠲᠤᠰᠢᠶᠠᠭᠴᠢᠳ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠲᠦᠷᠦ ᠵᠢᠨ ᠪᠤᠳᠤᠯᠭ᠎ᠠ ᠵᠢ ᠰᠠᠢ᠌ᠨ ᠰᠤᠷᠤᠯᠴᠠᠵᠤ᠂ ᠰᠠᠢ᠌ᠲᠤᠷ ᠭᠦᠢ᠍ᠴᠡᠳᠬᠡᠵᠦ᠂ ᠡᠵᠡᠩᠨᠡᠯᠲᠡ ᠵᠢᠨ ᠠᠷᠭ᠎ᠠ ᠬᠡᠯᠪᠡᠷᠢ᠎ᠪᠠᠨ ᠰᠠᠨᠠᠭ᠋ᠠᠴᠢᠯᠠᠭ᠎ᠠ᠎ᠠᠴᠠ᠎ᠪᠠᠨ ᠥᠭᠡᠷᠡᠴᠢᠯᠡᠨ ᠰᠠᠶ᠋ᠢᠵᠢᠷᠠᠭᠤᠯᠵᠤ᠂ ᠬᠠᠮᠢᠶᠠᠷᠤᠯᠲᠠ ᠵᠢᠨ ᠬᠢᠷᠢ ᠲᠥᠪᠰᠢᠨ ᠵᠶ᠋ᠡᠨ ᠳᠡᠭᠡᠭᠰᠢᠯᠡᠭᠦᠯᠵᠦ᠂ ᠥᠭᠡᠷᠡᠴᠢᠯᠡᠯᠲᠡ ᠵᠢᠨ ᠱᠠᠭ᠋ᠠᠷᠳᠠᠯᠭ᠎ᠠ ᠵᠢ ᠲᠠᠭ᠋ᠠᠵᠤ ᠳᠡᠶ᠋ᠢᠯᠬᠦ ᠦᠭᠡᠢ᠂ ᠲᠤᠯᠭ᠋ᠠᠨ ᠰᠠᠭᠤᠳᠬᠠᠬᠤ ᠭᠡᠷᠡᠴᠢ ᠪᠠᠷᠢᠮᠲᠠ᠎ᠪᠠᠨ ᠴᠠᠭ ᠲᠣᠬᠠᠢᠳᠤᠨᠢ ᠣᠯᠣᠭᠰᠠᠨ ᠦᠭᠡᠢ ᠪᠤᠶᠤ ᠲᠤᠯᠭ᠋ᠠᠨ ᠰᠠᠭᠤᠳᠬᠠᠬᠤ᠎ᠨᠢ ᠭᠦᠢ᠍ᠴᠡᠳ ᠤᠢ᠍ᠭᠡᠢ᠎ᠠᠴᠠ ᠪᠣᠯᠵᠤ᠂ ᠲᠤᠯᠭ᠋ᠠᠨ ᠰᠠᠭᠤᠳᠬᠠᠬᠤ ᠶᠣᠰᠣᠲᠠᠢ ᠪᠠᠢ᠌ᠲᠠᠯ᠎ᠠ ᠲᠤᠯᠭ᠋ᠠᠨ ᠰᠠᠭᠤᠳᠬᠠᠭᠰᠠᠨ ᠦᠭᠡᠢ᠂ ᠭᠠᠢ᠌ᠯᠢ ᠵᠢᠨ ᠡᠭᠦᠷᠭᠡᠯᠡᠯ ᠬᠦᠨᠳᠦᠷᠡᠭᠰᠡᠨ ᠠᠰᠠᠭᠤᠳᠠᠯ ᠭᠠᠷᠬᠤ᠎ᠠᠴᠠ ᠪᠣᠯᠭᠤᠮᠵᠢᠯᠠᠬᠤ ᠵᠢ ᠰᠠᠨᠠᠭᠤᠯᠵᠤ ᠪᠠᠢ᠌ᠨ᠎ᠠ᠃ ᠪᠠᠭᠴᠠᠯᠠᠭ᠋ᠠᠳ ᠬᠡᠯᠡᠪᠡᠯ᠂ ᠲᠤᠷᠰᠢᠯᠲᠠ ᠵᠢᠨ ᠭᠠᠶ᠋ᠢᠯᠢ ᠲᠤᠰᠢᠶᠠᠭᠴᠢᠳ ᠥᠭᠡᠷᠡᠴᠢᠯᠡᠯᠲᠡ ᠵᠢᠨ ᠱᠠᠭ᠋ᠠᠷᠳᠠᠯᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ ᠡᠵᠡᠩᠨᠡᠯᠲᠡ ᠵᠢᠨ ᠵᠠᠭᠪᠤᠷ ᠵᠶ᠋ᠡᠨ ᠴᠠᠭ ᠲᠣᠬᠠᠢᠳᠤᠨᠢ ᠲᠣᠬᠢᠷᠠᠭᠤᠯᠵᠤ᠂ ᠥᠭᠡᠷᠡᠴᠢᠯᠡᠯᠲᠡ ᠵᠢᠨ ᠳᠤᠮᠳᠠ ᠲᠠᠰᠤᠷᠠᠯᠲᠠ ᠦᠭᠡᠢ ᠬᠥᠭᠵᠢᠨ ᠪᠤᠵᠠᠭ᠋ᠠᠢ᠌ᠷᠠᠬᠤ ᠵᠢ ᠰᠠᠨᠠᠭᠤᠯᠵᠤ ᠪᠠᠢ᠌ᠨ᠎ᠠ᠃
ᠬᠥᠲᠥᠯᠥᠭᠴᠢ᠄
ᠹᠸᠡᠭ ᠳᠠᠷᠤᠭ᠎ᠠ ᠡ᠂ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠬᠤ ᠥᠭᠡᠷᠡᠴᠢᠯᠡᠯᠲᠡ ᠪᠣᠯ 1994 ᠣᠨ᠎ᠤ ᠭᠠᠶ᠋ᠢᠯᠢ ᠵᠢᠨ ᠲᠥᠷᠥᠯ ᠢᠯᠭ᠋ᠠᠬᠤ ᠲᠦᠷᠢᠮ᠎ᠤᠨ ᠥᠭᠡᠷᠡᠴᠢᠯᠡᠯᠲᠡ ᠵᠢᠨ ᠳᠠᠷᠠᠭ᠋ᠠᠬᠢ ᠴᠢᠬᠤᠯᠠ ᠨᠢᠭᠡᠨ ᠭᠠᠶ᠋ᠢᠯᠢ ᠵᠢᠨ ᠳᠦᠷᠢᠮ᠎ᠤᠨ ᠥᠭᠡᠷᠡᠴᠢᠯᠡᠯᠲᠡ ᠪᠣᠯᠬᠣᠷ᠂ ᠪᠦᠬᠦ ᠲᠠᠯ᠎ᠠ᠎ᠲᠠᠢ ᠬᠣᠯᠪᠣᠭᠳᠠᠬᠤ ᠪᠣᠯᠣᠨ᠎ᠠ᠃ ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠬᠤ ᠥᠭᠡᠷᠡᠴᠢᠯᠡᠯᠲᠡ᠎ᠨᠢ ᠬᠣᠵᠢᠮ᠎ᠤᠨ ᠡᠳ᠋᠎ᠤᠨ ᠵᠠᠰᠠᠭ ᠭᠠᠶ᠋ᠢᠯᠢ ᠵᠢᠨ ᠶᠠᠪᠤᠳᠠᠯ᠎ᠤᠨ ᠥᠭᠡᠷᠡᠴᠢᠯᠡᠯᠲᠡ᠎ᠳᠤ ᠦᠵᠡᠭᠦᠯᠬᠦ ᠨᠥᠯᠥᠭᠡ ᠵᠢ ᠲᠠ ᠡᠨᠳᠡ ᠶᠠᠷᠢᠭ᠋ᠠᠳ ᠥᠭᠭᠦᠨ᠎ᠡ ᠤᠤ?
ᠹᠸᠩ ᠵᠢᠶᠠᠨ ᠵᠦᠩ᠄
ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ᠎ᠨᠢ ᠭᠠᠢ᠌ᠯᠢ ᠲᠠᠲᠠᠪᠤᠷᠢ ᠵᠢᠨ ᠴᠢᠬᠤᠯᠠ ᠨᠢᠭᠡᠨ ᠥᠭᠡᠷᠡᠴᠢᠯᠡᠯᠲᠡ ᠪᠣᠯᠣᠭᠰᠠᠨ᠎ᠤ ᠬᠤᠪᠢ᠎ᠳᠤ᠂ ᠡᠳ᠋᠎ᠤᠨ ᠵᠠᠰᠠᠭ ᠭᠠᠶ᠋ᠢᠯᠢ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠴᠢᠨᠠᠭᠰᠢᠯᠠᠪᠠᠯ ᠪᠦᠬᠦᠶ᠋ᠢᠯᠡ ᠠᠵᠤ ᠠᠬᠤᠶ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠠᠬᠢᠭᠤᠯᠬᠤ᠎ᠳᠤ ᠴᠢᠬᠤᠯᠠ ᠳᠠᠭ᠋ᠠᠭᠤᠯᠬᠤ ᠦᠢ᠍ᠯᠡᠳᠦᠯ᠎ᠲᠠᠢ ᠶᠤᠮ᠂ ᠦᠨᠡᠬᠡᠷ ᠨᠢᠭᠡ ᠥᠭᠡᠷ᠎ᠤᠨ ᠡᠪᠡᠷ᠎ᠢ ᠴᠣᠬᠢᠪᠠᠯ ᠮᠢᠩᠭ᠋ᠠᠨ ᠦᠬᠡᠷ᠎ᠤᠨ ᠡᠪᠡᠷ ᠳᠣᠷᠬᠢᠨᠠ ᠭᠡᠳᠡᠭ ᠪᠢᠰᠢᠤ! ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ᠎ᠨᠢ ᠲᠥᠪ ᠬᠢᠭᠡᠳ ᠣᠷᠣᠨ ᠨᠤᠲᠤᠭ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠬᠣᠭᠣᠷᠣᠨᠳᠣᠬᠢ ᠡᠳ᠋᠎ᠤᠨ ᠵᠠᠰᠠᠭ᠎ᠤᠨ ᠪᠠᠶ᠋ᠢᠭᠤᠯᠤᠯ᠎ᠤᠨ ᠲᠤᠬᠢᠷᠠᠭᠤᠯᠤᠯᠲᠠ ᠵᠢ ᠲᠦᠯᠬᠢᠨ ᠠᠬᠢᠭᠤᠯᠬᠤ ᠮᠥᠷᠲᠡᠭᠡᠨ ᠪᠠᠰᠠ ᠣᠷᠣᠨ ᠨᠤᠲᠤᠭ᠎ᠤᠨ ᠭᠠᠢ᠌ᠯᠢ ᠵᠢᠨ ᠰᠢᠰᠲ᠋ᠧᠮᠵᠢ ᠵᠢᠨ ᠪᠦᠲᠦᠭᠡᠨ ᠪᠠᠢ᠌ᠭᠤᠯᠤᠯᠲᠠ ᠵᠡᠷᠭᠡ ᠭᠠᠶ᠋ᠢᠯᠢ ᠵᠢᠨ ᠲᠦᠷᠢᠮ᠎ᠤᠨ ᠠᠯᠢ ᠣᠯᠠᠨ ᠴᠢᠬᠤᠯᠠ ᠶᠡᠬᠡ ᠥᠭᠡᠷᠡᠴᠢᠯᠡᠯᠲᠡ ᠵᠢ ᠲᠦᠯᠬᠢᠨ ᠠᠬᠢᠭᠤᠯᠤᠨ᠎ᠠ ᠭᠡᠳᠡᠭ᠎ᠢ ᠡᠭᠦᠨ᠎ᠠᠴᠠ ᠮᠡᠳᠡᠵᠦ ᠪᠣᠯᠣᠨ᠎ᠠ᠃ ᠡᠭᠦᠨ᠎ᠤ ᠲᠤᠯᠠᠳᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠤᠳ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠣᠣᠷ᠎ᠠ᠂ ᠤᠯᠤᠰ᠎ᠤᠨ ᠨᠢᠭᠡᠳᠦᠯᠲᠡᠶ ᠪᠠᠶ᠋ᠢᠷᠢᠯᠠᠭᠤᠯᠤᠯᠲᠠ ᠶᠣᠰᠣᠭ᠋ᠠᠷ᠂ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠰᠠᠶ᠋ᠢᠲᠤᠷ ᠬᠠᠮᠵᠢᠯᠴᠠᠵᠤ ᠪᠠᠶ᠋ᠢᠭ᠋ᠠᠳ ᠡᠳ᠋᠎ᠤᠨ ᠵᠠᠰᠠᠭ ᠭᠠᠶ᠋ᠢᠯᠢ ᠵᠢᠨ ᠶᠠᠪᠤᠳᠠᠯ᠎ᠤᠨ ᠥᠭᠡᠷᠡᠴᠢᠯᠡᠯᠲᠡ ᠵᠢ ᠢᠳᠡᠪᠬᠢᠲᠡᠶ᠂ ᠯᠠᠪᠳᠠᠭᠤᠨ ᠲᠣᠬᠢᠲᠠᠶ᠂ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠦᠢ᠍ᠯᠡᠴᠢᠯᠡᠬᠦ ᠬᠡᠷᠡᠭᠲᠡᠢ᠃
ᠬᠥᠲᠥᠯᠥᠭᠴᠢ᠄
ᠲᠢᠩᠬᠢᠮ᠎ᠤᠨ ᠳᠠᠷᠤᠭ᠎ᠠ ᠹᠸᠩ ᠵᠢᠶᠠᠨ ᠵᠦᠩ ᠪᠢᠳᠠᠨ᠎ᠳᠤ ᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠬᠤ ᠥᠭᠡᠷᠡᠴᠢᠯᠡᠯᠲᠡ ᠵᠢᠨ ᠬᠣᠯᠪᠣᠭᠳᠠᠯ ᠪᠦᠬᠦᠢ ᠪᠠᠶ᠋ᠢᠳᠠᠯ᠎ᠢ ᠲᠠᠨᠢᠯᠴᠠᠭᠤᠯᠵᠤ ᠥᠭᠭᠥᠭᠰᠡᠨ᠎ᠳᠤ ᠲᠠᠯᠠᠷᠬᠠᠵᠤ ᠪᠠᠢ᠌ᠨ᠎ᠠ᠃ ᠥᠨᠥᠳᠦᠷ᠎ᠤᠨ ᠰᠤᠷᠪᠤᠯᠵᠢᠯᠠᠭ᠎ᠠ ᠵᠢ ᠡᠨᠳᠡ ᠬᠦᠷᠦᠭᠡᠳ ᠵᠠᠪᠰᠠᠷᠯᠠᠶ᠎ᠠ᠂ ᠰᠦᠯᠵᠢᠶᠡᠨ᠎ᠤ ᠠᠨᠳᠠ ᠨᠠᠷ᠎ᠤᠨ ᠣᠷᠣᠯᠴᠠᠭᠰᠠᠨ᠎ᠳᠤ ᠲᠠᠯᠠᠷᠬᠠᠵᠤ ᠪᠠᠶ᠋ᠢᠨ᠎ᠠ᠃ ᠪᠠᠶᠠᠷᠲᠠᠶ᠃

ᠡᠳ᠋᠎ᠤᠨ ᠵᠠᠰᠠᠭ᠎ᠤᠨ ᠶᠠᠮᠣᠨ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠎ᠠᠴᠠ ᠡᠵᠡᠩᠨᠡᠯᠲᠡ ᠵᠢᠨ ᠭᠠᠢ᠌ᠯᠢ ᠵᠢ ᠥᠷᠲᠡᠭ ᠨᠡᠮᠡᠭᠳᠡᠯ᠎ᠤᠨ ᠭᠠᠢ᠌ᠯᠢ ᠪᠣᠯᠭ᠋ᠠᠬᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠲᠦᠭᠡᠮᠡᠯᠵᠢᠭᠦᠯᠬᠦ ᠬᠠᠷᠠᠭ᠋ᠠᠨ ᠳᠠᠪᠲᠠᠮᠵᠢᠲᠤ ᠳᠠᠢ᠌ᠴᠢᠯᠠᠯᠲᠠ ᠵᠢᠨ ᠬᠤᠷᠠᠯ ᠬᠢᠵᠦ ᠥᠪᠡᠷᠲᠡᠭᠡᠨ ᠵᠠᠰᠠᠬᠣ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠤᠯᠤᠰ᠎ᠤᠨ ᠭᠠᠢ᠌ᠯᠢ ᠵᠢᠨ ᠲᠣᠪᠴᠢᠶ᠎ᠠ ᠣᠷᠣᠨ ᠨᠤᠲᠣᠭ᠎ᠤᠨ ᠭᠠᠢ᠌ᠯᠢ ᠵᠢᠨ ᠲᠣᠪᠴᠢᠶ᠎ᠠ ᠵᠢᠨ ᠬᠣᠯᠪᠣᠭᠳᠠᠯ ᠪᠦᠬᠦᠢ ᠤᠳᠤᠷᠢᠳᠤᠯᠭ᠎ᠠ ᠨᠠᠷ ᠬᠤᠪᠢᠶᠠᠷᠢ ᠬᠤᠷᠠᠯ᠎ᠤᠨ ᠲᠠᠯᠠᠪᠠᠢ᠎ᠳᠤ ᠣᠷᠣᠯᠴᠠᠵᠤ ᠪᠠᠢ᠌ᠭ᠎ᠠ᠎ᠨᠢ