
ᠰᠤᠷᠪᠤᠯᠵᠢᠯᠠᠭᠰᠠᠨ ᠴᠠᠭ᠄
2016 ᠤᠨ᠎ᠤ 6 ᠳ᠋ᠤᠭ᠋ᠠᠷ ᠰᠠᠷ᠎ᠠ ᠵᠢᠨ 2᠎ᠤᠨ ᠡᠳᠦᠷ᠎ᠤᠨ ᠦᠳᠡ ᠵᠢᠨ ᠬᠣᠶ᠋ᠢᠨᠠᠬᠢ 4 ᠴᠠᠭ
ᠰᠤᠷᠪᠤᠯᠵᠢᠯᠠᠭᠰᠠᠨ ᠵᠤᠴᠢᠨ᠄
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠳᠦᠷᠢᠮ᠎ᠤᠨ ᠠᠯᠪᠠᠨ ᠭᠡᠷ᠎ᠤᠨ ᠳᠡᠳ᠋ ᠡᠷᠬᠢᠯᠡᠭᠴᠢ ᠵᠢᠶᠠ ᠯᠢ
ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
ᠢᠳᠡᠭᠡᠨ᠎ᠤ ᠠᠮᠤᠷ ᠲᠦᠪᠰᠢᠨ ᠪᠣᠯ ᠠᠷᠠᠳ᠎ᠤᠨ ᠠᠮᠢᠳᠤᠷᠠᠯ᠎ᠤᠨ ᠴᠢᠬᠤᠯᠠ ᠶᠡᠬᠡ ᠠᠰᠠᠭᠤᠳᠠᠯ᠂ ᠠᠵᠤ ᠠᠬᠤᠶ ᠵᠢᠨ ᠠᠰᠠᠭᠤᠳᠠᠯ᠂ ᠨᠡᠶ᠋ᠢᠭᠡᠮ᠎ᠤᠨ ᠠᠰᠠᠭᠤᠳᠠᠯ᠂ ᠤᠯᠤᠰ ᠲᠤᠢ᠍ᠷᠦ ᠵᠢᠨ ᠠᠰᠠᠭᠤᠳᠠᠯ ᠮᠥᠨ᠂ ᠲᠡᠷᠡ᠎ᠨᠢ ᠠᠷᠠᠳ ᠣᠯᠠᠨ᠎ᠤ ᠪᠡᠶ᠎ᠡ ᠵᠢᠨ ᠡᠷᠡᠭᠦᠯ ᠮᠡᠨᠳᠦ ᠪᠤᠯᠤᠨ ᠠᠮᠢ ᠨᠠᠰᠤᠨ᠎ᠤ ᠠᠮᠤᠷ ᠲᠦᠪᠰᠢᠨ᠎ᠳᠤ ᠬᠣᠯᠪᠣᠭᠳᠠᠵᠤ᠂ ᠨᠡᠶ᠋ᠢᠭᠡᠮ᠎ᠤᠨ ᠡᠶ᠎ᠡ ᠵᠣᠬᠢᠴᠠᠯ ᠲᠣᠭᠲᠠᠭᠤᠨ ᠪᠠᠶ᠋ᠢᠳᠠᠯ᠎ᠳᠤ ᠬᠤᠯᠪᠤᠭᠳᠠᠨ᠎ᠠ᠃ ᠠᠮᠢᠳᠤᠷᠠᠯ᠎ᠤᠨ ᠲᠦᠪᠰᠢᠨ ᠲᠠᠰᠤᠷᠠᠯᠲᠠ ᠦᠭᠡᠶ ᠳᠡᠭᠡᠭᠰᠢᠯᠡᠬᠦ ᠵᠢ ᠳᠠᠭ᠋ᠠᠯᠳᠤᠨ᠂ ᠠᠷᠠᠳ ᠲᠦᠮᠡᠨ ᠢᠳᠡᠭᠡᠨ᠎ᠤ ᠠᠮᠤᠷ ᠲᠦᠪᠰᠢᠨ᠎ᠢ ᠨᠡᠩ ᠠᠩᠬᠠᠷᠴᠤ᠂ ᠠᠮᠤ ᠬᠦᠨᠡᠰᠦ ᠵᠢᠨ ᠠᠮᠤᠷ ᠲᠦᠪᠰᠢᠨ᠎ᠢ ᠲᠡᠷᠢᠭᠦᠨ᠎ᠳᠤ ᠲᠠᠯᠪᠢᠬᠤ ᠱᠠᠭ᠋ᠠᠷᠳᠠᠯᠭ᠎ᠠ ᠨᠡᠩ ᠴᠢᠨᠭ᠌ᠭ᠋ᠠᠷᠠᠭᠰᠠᠨ ᠪᠤᠯᠬᠤᠷ᠂ ᠢᠳᠡᠭᠡᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠎ᠨᠢ ᠨᠢᠭᠡᠨᠲᠡ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠠᠬᠢ ᠨᠢᠭᠡᠨ ᠴᠢᠬᠤᠯᠠ ᠮᠦᠷᠲᠡᠭᠡᠨ ᠲᠤᠯᠭ᠋ᠠᠮ᠎ᠠ ᠡᠭᠦᠷᠭᠡ ᠪᠤᠯᠵᠠᠢ᠃ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠢᠳᠡᠭᠡᠨ᠎ᠤ ᠠᠮᠤᠷ ᠲᠦᠪᠰᠢᠨ᠎ᠤ ᠠᠵᠢᠯ᠎ᠢ ᠢᠮᠠᠭᠲᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠶᠡᠷᠦᠩᠬᠡᠶ ᠱᠦᠵᠢ ᠰᠢ ᠵᠢᠨ ᠫᠢᠩ᠂ ᠶᠡᠷᠦᠩᠬᠡᠶ ᠰᠠᠶ᠋ᠢᠳ ᠯᠢ ᠺᠸ ᠴᠢᠶᠠᠩ ᠣᠯᠠᠨᠲᠠ ᠴᠢᠬᠤᠯᠠ ᠴᠣᠬᠣᠯᠠᠪᠤᠷᠢ ᠭᠠᠷᠭ᠋ᠠᠵᠤ᠂ ᠢᠳᠡᠭᠡᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠪᠤᠯ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠵᠠᠢ᠌ᠯᠠᠰᠢ ᠦᠭᠡᠢ ᠬᠠᠷᠢᠭᠤᠴᠠᠯᠭ᠎ᠠ ᠪᠤᠯᠤᠨ᠎ᠠ ᠬᠡᠵᠤ ᠴᠢᠬᠤᠯᠠᠴᠢᠯᠠᠪᠠ᠃ ᠥᠪᠥᠷ ᠮᠣᠩᠭᠣᠯ ᠪᠣᠯ ᠪᠦᠬᠦ ᠤᠯᠤᠰ᠎ᠤᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭ᠋ᠠᠬᠤ ᠶᠡᠬᠡ ᠣᠷᠣᠨ ᠪᠤᠯᠬᠤᠷ᠂ ᠢᠳᠡᠭᠡᠨ᠎ᠤ ᠠᠮᠤᠷ ᠲᠦᠪᠰᠢᠨ᠎ᠤ ᠠᠵᠢᠯ᠎ᠢ ᠴᠢᠩᠭ᠋ᠠᠳᠬᠠᠬᠤ᠎ᠨᠢ ᠪᠦᠬᠦ ᠤᠯᠤᠰ᠎ᠤᠨ ᠢᠳᠡᠭᠡᠨ᠎ᠤ ᠁
ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ
ᠬᠥᠲᠥᠯᠥᠭᠴᠢ᠄
ᠲᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠬᠡᠷ ᠬᠣᠨᠢ ᠢᠮᠠᠭ᠎ᠠ ᠨᠢᠲᠤᠯᠬᠤ ᠬᠠᠮᠢᠶᠠᠷᠤᠯᠲᠠ ᠵᠢᠨ ᠠᠷᠭ᠎ᠠ》 ᠵᠢᠨ ᠬᠠᠤᠯᠢ ᠲᠤᠭᠲᠠᠭ᠋ᠠᠯᠲᠠ ᠵᠢᠨ ᠠᠬᠤᠶ ᠪᠠᠶ᠋ᠢᠳᠠᠯ᠎ᠢ ᠲᠠᠨᠢᠯᠴᠠᠭᠤᠯᠤᠭ᠋ᠠᠳ ᠦᠭᠭᠦᠨ᠎ᠡ ᠤᠤ?
ᠵᠢᠶᠠ ᠯᠢ᠄
2015 ᠣᠨ ᠪᠤᠯᠬᠤ᠎ᠳᠤ ᠮᠠᠯ ᠠᠵᠤ ᠠᠬᠤᠶ ᠵᠢᠨ ᠣᠨ᠎ᠤ ᠦᠰᠦᠯᠲᠡ ᠵᠢᠨ ᠨᠤᠷᠮ᠎ᠠ 11 ᠵᠢᠯ ᠳᠠᠷᠠᠭ᠋ᠠᠯᠠᠨ 1 ᠳ᠋ᠦᠨᠭᠰᠢᠭᠤᠷ ᠲᠤᠭ᠎ᠠ ᠲᠤᠯᠤᠭ᠋ᠠᠢ᠎ᠠᠴᠠ ᠳᠡᠭᠡᠭᠰᠢ ᠪᠠᠢ᠌ᠬᠤ ᠵᠢ ᠲᠤᠭᠲᠠᠪᠤᠷᠢᠲᠠᠢ ᠪᠠᠲᠤᠯᠠᠵᠤ᠂ 1.36 ᠳ᠋ᠦᠨᠭᠰᠢᠭᠤᠷ ᠲᠤᠭ᠎ᠠ ᠲᠣᠯᠣᠭ᠋ᠠᠶ᠎ᠳᠤ ᠬᠦᠷᠪᠡ᠃ ᠡᠭᠦᠨ᠎ᠳᠤ ᠬᠤᠨᠢ ᠢᠮᠠᠭ᠎ᠠ 1.07 ᠳ᠋ᠦᠨᠭᠰᠢᠭᠤᠷ ᠲᠤᠯᠤᠭ᠋ᠠᠢ᠂ ᠠᠯᠠᠰᠢᠨ ᠦᠬᠡᠷ 830 ᠲᠦᠮᠡᠨ ᠲᠤᠯᠤᠭ᠋ᠠᠢ᠂ ᠭᠠᠬᠠᠶ 1490 ᠭᠠᠷᠤᠢ ᠲᠦᠮᠡᠨ ᠲᠤᠯᠤᠭ᠋ᠠᠢ ᠪᠤᠢ᠃ ᠮᠠᠨ᠎ᠤ ᠣᠷᠣᠨ᠎ᠤ ᠮᠠᠯ ᠨᠢᠲᠤᠯᠬᠤ ᠠᠵᠢᠯ ᠲᠦᠷᠤᠯ᠎ᠤᠨ ᠣᠨᠴᠠᠯᠢᠭ ᠪᠣᠯ ᠦᠬᠡᠷ ᠬᠣᠨᠢ᠎ᠪᠠᠷ ᠭᠣᠣᠯ ᠪᠣᠯᠭ᠋ᠠᠵᠤ᠂ ᠵᠢᠯ ᠪᠦᠷᠢ ᠨᠢᠲᠤᠯᠠᠵᠤ ᠬᠤᠳᠠᠯᠳᠤᠬᠤ ᠢᠳᠡᠰᠢᠨ ᠮᠠᠯ᠎ᠤᠨ ᠲᠤᠭ᠎ᠠ 7000 ᠲᠦᠮᠡᠨ ᠲᠤᠯᠤᠭ᠋ᠠᠢ᠎ᠳᠤ ᠤᠢ᠌ᠷᠠᠲᠤᠵᠤ᠂ ᠦᠬᠡᠷ ᠬᠤᠨᠢ ᠨᠢᠲᠤᠯᠬᠤ ᠶᠡᠷᠦᠩᠬᠡᠶ ᠬᠡᠮᠵᠢᠶᠡᠨ᠎ᠤ 70% ᠰᠢᠬᠠᠮ᠎ᠢ ᠡᠵᠡᠯᠡᠪᠡ᠃ ᠲᠤᠭ᠎ᠠ ᠲᠤᠯᠤᠭ᠋ᠠᠢ ᠵᠢᠨ ᠨᠡᠮᠡᠭᠳᠡᠬᠦ ᠵᠢᠨ ᠳᠠᠭ᠋ᠠᠤ᠎ᠳᠤ᠂ ᠤᠯᠠᠭ᠋ᠠᠨ ᠢᠳᠡᠭᠡᠨ᠎ᠤ ᠶᠠᠰᠤ ᠴᠢᠨᠠᠷ᠎ᠤᠨ ᠠᠰᠠᠭᠤᠳᠠᠯ᠎ᠳᠤ ᠴᠤ᠌ ᠳᠠᠯᠳᠠ ᠭᠡᠮ ᠤᠷᠤᠰᠢᠵᠤ᠂ ᠢᠯᠠᠩᠭᠤᠶ᠎ᠠ ᠦᠬᠡᠷ ᠬᠣᠨᠢ ᠨᠢᠲᠤᠯᠬᠤ ᠠᠵᠢᠯ ᠲᠦᠷᠦᠯ᠎ᠳᠤ ᠳᠤᠷ᠎ᠠ᠎ᠪᠠᠷ ᠵᠶ᠋ᠠᠨ ᠨᠢᠲᠤᠯᠬᠤ᠂ ᠡᠪᠡᠳᠴᠢᠯᠡᠵᠦ ᠦᠭᠦᠭᠰᠡᠨ ᠠᠮᠢᠲᠠᠨ᠎ᠢ ᠨᠢᠲᠤᠯᠬᠤ᠂ ᠤᠰᠤ ᠲᠠᠷᠢᠬᠤ᠂ ᠬᠤᠤᠷ ᠬᠥᠨᠥᠭᠡᠯᠲᠡᠶ ᠬᠠᠤᠯᠢ᠎ᠠᠴᠠ ᠵᠦᠷᠢᠴᠡᠭᠰᠡᠨ ᠢᠳᠡᠭᠡᠨ᠎ᠤ ᠨᠡᠮᠡᠯᠲᠡ ᠪᠤᠳᠠᠰ ᠲᠠᠷᠢᠬᠤ᠂ ᠮᠠᠯ᠎ᠤᠨ ᠡᠮ᠎ᠤᠨ ᠦᠯᠡᠳᠡᠭᠳᠡᠯ ᠪᠤᠳᠠᠰ ᠵᠡᠷᠭᠡ ᠠᠰᠠᠭᠤᠳᠠᠯ ᠣᠷᠣᠰᠢᠵᠤ ᠪᠠᠶ᠋ᠢᠭ᠎ᠠ᠎ᠨᠢ ᠣᠯᠠᠨ ᠨᠡᠶ᠋ᠢᠲᠡ ᠵᠢᠨ ᠡᠷᠡᠭᠦᠯ ᠮᠠᠨᠲᠤ ᠵᠢ ᠬᠦᠨᠳᠦ ᠨᠣᠴᠢᠲᠠᠶ ᠰᠦᠷᠳᠡᠭᠦᠯᠵᠦ ᠪᠠᠶ᠋ᠢᠨ᠎ᠠ᠃ ᠣᠳᠣᠬᠠᠨ᠎ᠳᠤ᠂ ᠮᠠᠨ᠎ᠤ ᠣᠷᠣᠨ᠎ᠤ ᠢᠳᠡᠭᠡᠨ᠎ᠤ ᠠᠮᠤᠷ ᠲᠦᠪᠰᠢᠨ᠎ᠤ ᠰᠠᠭᠤᠷᠢ ᠮᠥᠨ ᠬᠦ᠌ ᠪᠠᠭᠤᠷᠠᠶ ᠪᠠᠢ᠌ᠵᠤ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠪᠠᠶ᠋ᠢᠨ ᠪᠠᠢ᠌ᠨ ᠭᠠᠷᠴᠤ᠂ ᠢᠳᠡᠭᠡᠨ᠎ᠤ ᠠᠮᠤᠷ ᠲᠦᠪᠰᠢᠨ᠎ᠢ ᠬᠢᠵᠠᠭ᠋ᠠᠷᠯᠠᠬᠤ ᠭᠦᠨ ᠳᠠᠪᠬᠤᠷᠭ᠎ᠠ ᠵᠢᠨ ᠠᠰᠠᠭᠤᠳᠠᠯ᠎ᠢ ᠦᠨᠳᠦᠰᠦᠨ᠎ᠠᠴᠠ᠎ᠨᠢ ᠰᠢᠢ᠍ᠳᠪᠦᠷᠢᠯᠡᠵᠤ ᠴᠢᠳᠠᠭ᠋ᠠᠳᠤᠶ ᠪᠠᠢ᠌ᠭᠰᠠᠭ᠋ᠠᠷ᠃ ᠡᠶ᠋ᠢᠮᠦ᠎ᠠᠴᠠ ᠬᠠᠤᠯᠢ ᠲᠣᠭᠲᠠᠭ᠋ᠠᠬᠤ᠎ᠪᠠᠷ ᠳᠠᠮᠵᠢᠭᠤᠯᠤᠨ ᠦᠬᠡᠷ ᠬᠣᠨᠢ ᠨᠢᠲᠤᠯᠬᠤ ᠠᠵᠢᠯ ᠲᠦᠷᠦᠯ᠎ᠤᠨ ᠬᠥᠭᠵᠢᠯᠲᠡ ᠵᠢ ᠨᠡᠩ ᠰᠠᠶ᠋ᠢᠲᠤᠷ ᠲᠥᠯᠬᠢᠨ ᠠᠬᠢᠭᠤᠯᠵᠤ᠂ ᠦᠬᠡᠷ ᠬᠣᠨᠢ ᠨᠢᠲᠤᠯᠬᠤ ᠠᠵᠢᠯ ᠳᠣᠢ᠍ᠷᠣᠯᠤᠨ ᠡᠮᠬᠢ ᠲᠢᠭᠯᠢᠮ᠎ᠢ ᠵᠢᠷᠤᠮᠵᠢᠭᠤᠯᠵᠤ᠂ ᠮᠠᠯ᠎ᠤᠨ ᠠᠰᠢᠭ ᠰᠢᠮ᠎ᠡ ᠵᠢᠨ ᠶᠠᠰᠤ ᠴᠢᠨᠠᠷ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠥᠪᠥᠷ ᠮᠣᠩᠭᠣᠯ᠎ᠢ ᠦᠨᠡᠨᠬᠦ ᠪᠣᠬᠢᠷᠲᠤᠯ ᠦᠭᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭ᠋ᠠᠬᠤ ᠰᠠᠭᠤᠷᠢᠨ ᠭᠠᠵᠠᠷ ᠪᠤᠯᠭ᠋ᠠᠨ ᠴᠤᠭᠴᠠᠯᠠᠬᠤ ᠴᠢᠬᠤᠯᠠᠲᠠᠢ ᠪᠠᠢ᠌ᠨ᠎ᠠ᠃
ᠬᠥᠲᠥᠯᠥᠭᠴᠢ᠄
ᠲᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠬᠡᠷ ᠬᠣᠨᠢ ᠢᠮᠠᠭ᠎ᠠ ᠨᠢᠲᠤᠯᠬᠤ ᠬᠠᠮᠢᠶᠠᠷᠤᠯᠲᠠ ᠵᠢᠨ ᠠᠷᠭ᠎ᠠ》 ᠵᠢ ᠨᠡᠢ᠌ᠲᠡᠯᠡᠭᠰᠡᠨ ᠴᠢᠬᠤᠯᠠ ᠠᠴᠢ ᠬᠣᠯᠪᠣᠭᠳᠠᠯ ᠪᠤᠯᠤᠨ ᠦᠢ᠍ᠯᠡᠳᠦᠯ᠎ᠢ ᠲᠠᠨᠢᠯᠴᠠᠭᠤᠯᠤᠭ᠋ᠠᠳ ᠦᠭᠭᠦᠨ᠎ᠡ ᠤᠤ?
ᠵᠢᠶᠠ ᠯᠢ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠬᠡᠷ ᠬᠣᠨᠢ ᠢᠮᠠᠭ᠎ᠠ ᠨᠢᠲᠤᠯᠬᠤ ᠬᠠᠮᠢᠶᠠᠷᠤᠯᠲᠠ ᠵᠢᠨ ᠠᠷᠭ᠎ᠠ》 ᠵᠢ 2016 ᠤᠨ᠎ᠤ 2 ᠳ᠋ᠤᠭ᠋ᠠᠷ ᠰᠠᠷ᠎ᠠ ᠵᠢᠨ 24᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠢᠷᠠᠨ ᠵᠢᠷᠭᠤᠳᠤᠭ᠋ᠠᠷ ᠤᠳᠠᠭ᠋ᠠᠨ᠎ᠤ ᠪᠠᠶ᠋ᠢᠩᠭᠤ ᠵᠢᠨ ᠬᠤᠷᠠᠯ ᠵᠶ᠋ᠠᠷ ᠬᠢᠨᠠᠨ ᠪᠠᠲᠤᠯᠠᠭ᠋ᠠᠳ᠂ 2016 ᠤᠨ᠎ᠤ 4 ᠳ᠋ᠤᠭᠡᠷ ᠰᠠᠷ᠎ᠠ ᠵᠢᠨ 1᠎ᠤ ᠡᠳᠦᠷ ᠨᠡᠢ᠌ᠲᠡᠯᠡᠵᠤ᠂ 2016 ᠤᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠬᠦᠯᠵᠤ᠂ ᠮᠠᠨ᠎ᠤ ᠣᠷᠣᠨ᠎ᠤ ᠦᠬᠡᠷ ᠬᠣᠨᠢ ᠢᠮᠠᠭ᠎ᠠ ᠨᠢᠲᠤᠯᠬᠤ ᠬᠠᠮᠢᠶᠠᠷᠤᠯᠲᠠ ᠬᠠᠤᠯᠢᠵᠢᠯ᠎ᠤᠨ ᠵᠠᠮ᠎ᠳᠤ ᠤᠷᠤᠭᠰᠠᠨ᠎ᠢ ᠬᠠᠷᠠᠭᠤᠯᠵᠠᠢ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠬᠡᠷ ᠬᠣᠨᠢ ᠢᠮᠠᠭ᠎ᠠ ᠨᠢᠲᠤᠯᠬᠤ ᠬᠠᠮᠢᠶᠠᠷᠤᠯᠲᠠ ᠵᠢᠨ ᠠᠷᠭ᠎ᠠ》 ᠵᠢ ᠨᠡᠶ᠋ᠢᠲᠡᠯᠡᠨ ᠬᠡᠷᠡᠭᠵᠢᠭᠦᠯᠦᠭᠰᠡᠨ᠎ᠨᠢ ᠮᠠᠨ᠎ᠤ ᠣᠷᠣᠨ᠎ᠤ ᠦᠬᠡᠷ ᠬᠣᠨᠢ ᠢᠮᠠᠭ᠎ᠠ ᠨᠢᠲᠤᠯᠬᠤ ᠠᠵᠢᠯᠯᠠᠭ᠎ᠠ ᠵᠢ ᠬᠠᠤᠯᠢ ᠶᠣᠰᠣᠭ᠋ᠠᠷ ᠵᠢᠷᠤᠮᠵᠢᠭᠤᠯᠵᠤ᠂ ᠦᠬᠡᠷ ᠬᠣᠨᠢ ᠢᠮᠠᠭ᠎ᠠ ᠨᠢᠲᠤᠯᠬᠤ ᠠᠵᠢᠯ ᠲᠦᠷᠦᠯ᠎ᠤᠨ ᠪᠦᠬᠦᠯᠢ ᠴᠣᠭᠴᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠮᠠᠯ᠎ᠤᠨ ᠠᠰᠢᠭ ᠰᠢᠮ᠎ᠡ ᠵᠢᠨ ᠶᠠᠰᠤ ᠴᠢᠨᠠᠷ᠎ᠤᠨ ᠠᠮᠤᠷ ᠲᠦᠪᠰᠢᠨ᠎ᠢ ᠳᠡᠭᠡᠭᠰᠢᠯᠡᠭᠦᠯᠬᠦ᠎ᠳᠤ ᠪᠡᠯᠭᠡ ᠲᠡᠮᠳᠡᠭ᠎ᠤᠨ ᠠᠴᠢ ᠬᠣᠯᠪᠣᠭᠳᠠᠯ᠎ᠲᠠᠢ ᠶᠤᠮ᠂ ᠡᠭᠦᠨ᠎ᠤ ᠬᠠᠮᠲᠤ ᠪᠠᠰᠠ ᠬᠠᠮᠢᠶᠠᠷᠤᠯᠲᠠ ᠵᠢᠨ ᠡᠭᠦᠷᠭᠡ ᠲᠤᠰᠢᠶᠠᠯ ᠬᠤᠳᠠᠯᠳᠤᠭ᠋ᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠠᠴᠠ ᠲᠠᠷᠢᠶᠠᠯᠠᠨᠭ᠌ ᠮᠠᠯ ᠠᠵᠤ ᠠᠬᠤᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠰ᠎ᠢ ᠰᠢᠯᠵᠢᠭᠰᠡᠨ᠎ᠤ ᠳᠠᠷᠠᠭ᠎ᠠ ᠨᠡᠶ᠋ᠢᠲᠡᠯᠡᠨ ᠬᠡᠷᠡᠭᠵᠢᠬᠦᠯᠦᠭᠰᠡᠨ ᠦᠬᠡᠷ ᠬᠣᠨᠢ ᠨᠢᠲᠤᠯᠬᠤ ᠬᠠᠮᠢᠶᠠᠷᠤᠯᠲᠠ ᠵᠢ ᠵᠢᠷᠤᠮᠵᠢᠭᠤᠯᠬᠤ ᠪᠦᠬᠦ ᠤᠯᠤᠰ᠎ᠤᠨ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠨᠭ᠌ᠬᠠᠳᠠᠭᠴᠢ ᠲᠤᠢ᠍ᠷᠢᠮ ᠲᠣᠭᠲᠠᠭ᠋ᠠᠯ ᠪᠤᠯᠤᠨ᠎ᠠ᠃
ᠬᠥᠲᠥᠯᠥᠭᠴᠢ᠄
ᠲᠠ ᠣᠳᠣᠬᠠᠨ᠎ᠤ ᠮᠠᠨ᠎ᠤ ᠣᠷᠣᠨ᠎ᠤ ᠮᠠᠯ ᠵᠢᠭᠦᠷᠲᠡᠨ ᠨᠢᠲᠤᠯᠬᠤ ᠠᠵᠢᠯ ᠲᠦᠷᠦᠯ᠎ᠤᠨ ᠬᠥᠭᠵᠢᠯᠲᠡ ᠵᠢᠨ ᠪᠠᠶ᠋ᠢᠳᠠᠯ᠎ᠢ ᠶᠠᠷᠢᠭ᠋ᠠᠳ ᠥᠭᠭᠦᠨ᠎ᠡ ᠦᠦ᠃
ᠵᠢᠶᠠ ᠯᠢ᠄
ᠮᠠᠨ᠎ᠤ ᠣᠷᠣᠨ᠎ᠤ ᠮᠠᠯ ᠨᠢᠲᠤᠯᠬᠤ ᠠᠵᠢᠯ ᠲᠥᠷᠥᠯ᠎ᠳᠤ ᠲᠤᠯᠭ᠋ᠠᠷᠠᠵᠤ ᠪᠠᠶ᠋ᠢᠭ᠎ᠠ ᠪᠠᠶ᠋ᠢᠳᠠᠯ᠎ᠨᠢ ᠪᠦᠬᠦ ᠤᠯᠤᠰᠤᠨᠬᠢᠲᠠᠢ ᠦᠨᠳᠦᠰᠦᠨ᠎ᠳᠡᠭᠡᠨ ᠠᠳᠠᠯᠢ᠂ ᠠᠵᠢᠯ ᠲᠥᠷᠥᠯ᠎ᠤᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ᠎ᠨᠢ ᠳᠣᠣᠷ᠎ᠠ᠂ ᠬᠡᠪᠴᠢᠶ᠎ᠡ᠎ᠨᠢ ᠪᠠᠭ᠎ᠠ᠂ ᠢᠵᠢᠯᠢᠰᠢᠯ ᠴᠢᠨᠠᠷ᠎ᠨᠢ ᠥᠨᠳᠥᠷ᠂ ᠳᠣᠣᠷ᠎ᠠ ᠬᠢᠷᠢ ᠬᠡᠮᠵᠢᠶ᠎ᠡ᠎ᠪᠠᠷ ᠳᠠᠪᠬᠤᠷᠳᠠᠭᠤᠯᠤᠨ ᠪᠦᠲᠦᠭᠡᠨ ᠪᠠᠢ᠌ᠭᠤᠯᠵᠤ ᠪᠠᠢ᠌ᠭ᠎ᠠ ᠪᠠᠢ᠌ᠳᠠᠯ ᠬᠦᠨᠳᠦ ᠨᠣᠴᠢᠲᠠᠶ ᠣᠷᠣᠰᠢᠵᠤ ᠪᠠᠶ᠋ᠢᠨ᠎ᠠ; ᠮᠠᠨ᠎ᠤ ᠣᠷᠣᠨ᠎ᠤ ᠮᠠᠯ ᠨᠢᠲᠤᠯᠬᠤ ᠠᠵᠢᠯ ᠲᠦᠷᠤᠯ᠎ᠤᠨ ᠣᠨᠴᠠᠯᠢᠭ ᠪᠣᠯ ᠦᠬᠡᠷ ᠬᠣᠨᠢ ᠢᠮᠠᠭ᠎ᠠ ᠨᠢᠲᠤᠯᠬᠤ᠎ᠪᠠᠷ ᠭᠣᠣᠯ ᠪᠣᠯᠭ᠋ᠠᠵᠤ᠂ ᠪᠥᠬᠥ ᠣᠷᠣᠨ᠎ᠳᠤ 712 ᠮᠠᠯ ᠨᠢᠲᠤᠯᠬᠤ ᠠᠵᠤ ᠠᠬᠤᠶ᠋ᠢᠯᠠᠯ ᠪᠠᠢ᠌ᠵᠤ᠂ ᠡᠭᠦᠨ᠎ᠳᠤ ᠭᠠᠬᠠᠶ ᠠᠯᠠᠬᠤ ᠠᠵᠤ ᠠᠬᠤᠶ᠋ᠢᠯᠠᠯ 208᠂ ᠦᠬᠡᠷ ᠬᠣᠨᠢ ᠨᠢᠲᠤᠯᠬᠤ ᠠᠵᠤ ᠠᠬᠤᠶ᠋ᠢᠯᠠᠯ 466᠂ ᠵᠢᠭᠦᠷᠲᠡᠨ ᠠᠯᠠᠵᠤ ᠨᠢᠲᠤᠯᠬᠤ ᠠᠵᠤ ᠠᠬᠤᠶ᠋ᠢᠯᠠᠯ 32᠂ ᠪᠤᠰᠤᠳ ᠠᠯᠠᠵᠤ ᠨᠢᠲᠤᠯᠬᠤ ᠠᠵᠤ ᠠᠬᠤᠶ᠋ᠢᠯᠠᠯ 6 ᠪᠠᠢ᠌ᠵᠤ᠂ ᠦᠬᠡᠷ ᠬᠣᠨᠢ ᠢᠮᠠᠭ᠎ᠠ ᠨᠢᠲᠤᠯᠬᠤ ᠠᠵᠤ ᠠᠬᠤᠶ᠋ᠢᠯᠠᠯ᠎ᠨᠢ 65% ᠵᠢ ᠡᠵᠡᠯᠡᠵᠦ ᠪᠤᠢ᠃ ᠤᠳᠤ ᠪᠠᠶ᠋ᠢᠭ᠎ᠠ ᠦᠬᠡᠷ ᠬᠣᠨᠢ ᠢᠮᠠᠭ᠎ᠠ ᠨᠢᠲᠤᠯᠬᠤ 466 ᠠᠵᠤ ᠠᠬᠤᠶ᠋ᠢᠯᠠᠯ᠎ᠳᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠠᠬᠤᠶ᠋ᠢᠯᠠᠯ᠎ᠨᠢ ᠵᠥᠪᠬᠡᠨ 14% ᠵᠢ ᠡᠵᠡᠯᠡᠵᠦ ᠪᠣᠢ᠂ ᠣᠯᠠᠩᠬᠢ ᠨᠢᠲᠤᠯᠬᠤ ᠠᠵᠤ ᠠᠬᠤᠶ᠋ᠢᠯᠠᠯ᠎ᠨᠢ ᠮᠥᠨ ᠯᠡ ᠬᠠᠭ᠋ᠠᠰ ᠮᠠᠰᠢᠨᠴᠢᠯᠠᠭᠰᠠᠨ ᠪᠤᠶᠤ ᠭᠠᠷ ᠵᠶ᠋ᠠᠷ ᠨᠢᠳᠦᠯᠵᠦ᠂ ᠦᠢ᠍ᠯᠡᠳᠬᠡᠯ ᠮᠠᠶᠢᠭ᠎ᠤᠨ ᠠᠯᠠᠵᠤ ᠨᠢᠲᠤᠯᠬᠤ ᠴᠢᠭ᠋ ᠶᠡᠬᠡ ᠬᠡᠮᠵᠢᠶ᠎ᠡ᠎ᠪᠠᠷ ᠣᠷᠣᠰᠢᠵᠤ ᠪᠠᠢ᠌ᠨ᠎ᠠ᠃ ᠦᠢ᠍ᠯᠡᠳᠪᠦᠷᠢᠯᠡᠬᠦ ᠴᠢᠳᠠᠪᠤᠷᠢ ᠬᠦᠨᠳᠦ ᠨᠣᠴᠢᠲᠠᠶ ᠦᠯᠡᠭᠦᠳᠡᠵᠦ᠂ ᠣᠯᠠᠩᠬᠢ ᠨᠢᠲᠤᠯᠬᠤ ᠠᠵᠤ ᠠᠬᠤᠶ᠋ᠢᠯᠠᠯ᠎ᠤᠨ ᠪᠣᠳᠠᠲᠠᠶ ᠨᠢᠲᠤᠯᠬᠤ ᠬᠡᠮᠵᠢᠶ᠎ᠡ᠎ᠨᠢ ᠲᠥᠯᠥᠪᠯᠡᠭᠰᠡᠨ ᠨᠢᠲᠤᠯᠬᠤ ᠴᠢᠳᠠᠪᠤᠷᠢ ᠵᠢᠨ 1 / 3᠎ᠳᠤ ᠴᠦ᠍ ᠬᠦᠷᠬᠦ ᠦᠭᠡᠢ; ᠰᠦᠢ᠍ᠳᠬᠡᠯ ᠬᠤᠷᠢᠶᠠᠨ ᠣᠷᠣᠯᠠᠨ ᠨᠢᠲᠤᠯᠬᠤ ᠦᠵᠡᠭᠳᠡᠯ ᠨᠡᠶ᠋ᠢᠳᠡᠮ ᠣᠷᠣᠰᠢᠵᠤ᠂ ᠠᠵᠤ ᠠᠬᠤᠶ᠋ᠢᠯᠠᠯ᠎ᠢ ᠣᠷᠣᠯᠠᠨ ᠨᠢᠲᠤᠯᠬᠤ ᠬᠠᠷᠢᠴᠠᠯ᠎ᠨᠢ 75% ᠬᠦᠷᠴᠦ᠂ ᠬᠠᠮᠢᠶᠠᠷᠤᠯᠲᠠ ᠪᠠ ᠮᠡᠷᠭᠡᠵᠢᠯ᠎ᠤᠨ ᠬᠢᠷᠢ ᠬᠡᠮᠵᠢᠶ᠎ᠡ᠎ᠨᠢ ᠠᠳᠠᠯᠢ ᠦᠭᠡᠢ ᠪᠠᠶ᠋ᠢᠨ᠎ᠠ; ᠠᠵᠢᠯ ᠲᠦᠷᠦᠯ᠎ᠤᠨ ᠲᠥᠯᠥᠪᠵᠢᠭᠦᠯᠭᠡ ᠪᠣᠯᠤᠨ ᠪᠠᠷᠢᠮᠵᠢᠶ᠎ᠠ ᠵᠢᠨ ᠰᠢᠰᠲᠸᠮᠵᠢ ᠲᠡᠭᠦᠯᠳᠡᠷ ᠪᠤᠰᠤ ᠪᠠᠶ᠋ᠢᠵᠤ᠂ ᠠᠵᠢᠯ ᠲᠥᠷᠥᠯ᠎ᠤᠨ ᠬᠥᠭᠵᠢᠯᠲᠡ ᠵᠢᠨ ᠬᠣᠯᠪᠣᠭᠳᠠᠯ ᠪᠦᠬᠦᠢ ᠲᠡᠳᠬᠦᠨ ᠳᠡᠮᠵᠢᠬᠦ ᠲᠦᠷᠦ ᠵᠢᠨ ᠪᠤᠳᠤᠯᠭ᠎ᠠ ᠳᠤᠲᠠᠭᠳᠠᠵᠤ᠂ ᠠᠵᠤ ᠠᠬᠤᠶ᠋ᠢᠯᠠᠯ᠎ᠢ ᠨᠡᠶ᠋ᠢᠯᠡᠭᠦᠯᠦᠨ ᠲᠠᠬᠢᠨ ᠵᠣᠬᠢᠶᠠᠨ ᠪᠠᠶ᠋ᠢᠭᠤᠯᠬᠤ ᠪᠠ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢ ᠲᠥᠯᠬᠢᠨ ᠠᠬᠢᠭᠤᠯᠬᠤ᠎ᠳᠤ ᠶᠡᠬᠡ ᠬᠦᠴᠢᠷᠳᠡᠯ ᠠᠪᠴᠢᠷᠠᠵᠠᠢ᠃
ᠬᠥᠲᠥᠯᠥᠭᠴᠢ᠄
《ᠬᠠᠮᠢᠶᠠᠷᠤᠯᠲᠠ ᠵᠢᠨ ᠠᠷᠭ᠎ᠠ》᠎ᠨᠢ ᠦᠬᠡᠷ ᠬᠣᠨᠢ ᠢᠮᠠᠭ᠎ᠠ ᠵᠢ ᠴᠢᠭ᠋ ᠲᠣᠭᠲᠠᠭ᠋ᠠᠨ ᠨᠢᠲᠤᠯᠬᠤ ᠵᠢ ᠬᠡᠷᠬᠢᠨ ᠬᠠᠮᠢᠶᠠᠷᠬᠤ ᠪᠤᠢ?
ᠵᠢᠶᠠ ᠯᠢ᠄
ᠣᠳᠣᠬᠠᠨ᠎ᠳᠤ᠂ ᠮᠠᠨ᠎ᠤ ᠣᠷᠣᠨ᠎ᠤ ᠦᠬᠡᠷ ᠬᠣᠨᠢ ᠢᠮᠠᠭ᠎ᠠ ᠨᠢᠲᠤᠯᠬᠤ ᠦᠢ᠍ᠯᠡᠳᠪᠦᠷᠢ (ᠲᠠᠯᠠᠪᠠᠢ)᠎ᠨᠢ 《ᠮᠠᠰᠢ ᠣᠯᠠᠨ᠂ ᠵᠠᠮᠪᠠᠷᠠᠭ᠎ᠠ ᠦᠭᠡᠢ᠂ ᠵᠢᠵᠢᠭ ᠪᠦᠭᠡᠳ ᠲᠠᠷᠠᠬᠠᠶ》 ᠪᠠᠢ᠌ᠳᠠᠯ ᠵᠡᠷᠭᠡ᠎ᠪᠡᠷ ᠣᠷᠣᠰᠢᠵᠤ᠂ ᠬᠥᠭᠵᠢᠯᠲᠡ ᠵᠢᠨ ᠬᠢᠷᠢ ᠬᠡᠮᠵᠢᠶ᠎ᠡ᠎ᠨᠢ ᠲᠡᠭᠰᠢ ᠪᠢᠰᠢ᠂ ᠮᠠᠯ᠎ᠤᠨ ᠠᠰᠢᠭ ᠰᠢᠮ᠎ᠡ ᠵᠢᠨ ᠶᠠᠰᠤ ᠴᠢᠨᠠᠷ᠎ᠤᠨ ᠠᠮᠤᠷ ᠲᠦᠪᠰᠢᠨ᠎ᠤ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠎ᠳᠤ ᠪᠡᠷᠬᠡᠲᠡᠶ ᠪᠠᠶ᠋ᠢᠨ᠎ᠠ᠃ ᠴᠢᠭ᠋ ᠲᠣᠭᠲᠠᠭ᠋ᠠᠨ ᠨᠢᠲᠤᠯᠬᠤ᠎ᠨᠢ ᠤᠯᠠᠭ᠋ᠠᠨ ᠢᠳᠡᠭᠡᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠬᠤ ᠴᠢᠬᠤᠯᠠ ᠵᠠᠩᠭᠢᠯᠠᠭ᠎ᠠ ᠪᠣᠯᠵᠤ ᠡᠪᠡᠳᠴᠢᠨ ᠬᠥᠨᠥᠭᠡᠯ᠎ᠲᠠᠢ ᠤᠯᠠᠭ᠋ᠠᠨ ᠢᠳᠡᠭᠡᠨ ᠵᠠᠬ᠎ᠠ ᠳᠡᠯᠭᠡᠭᠦᠷ᠎ᠲᠤ ᠭᠠᠷᠬᠤ ᠵᠢ ᠬᠣᠷᠢᠭᠯᠠᠬᠤ ᠵᠠᠩᠭᠢᠯᠠᠭ᠎ᠠ ᠪᠠ ᠡᠴᠦᠰ᠎ᠤᠨ ᠬᠠᠯᠬᠠᠪᠴᠢ ᠪᠣᠯᠣᠨ᠎ᠠ᠃ ᠦᠬᠡᠷ ᠬᠣᠨᠢ ᠢᠮᠠᠭ᠎ᠠ ᠵᠢ ᠴᠢᠭ᠋ ᠲᠣᠭᠲᠠᠭ᠋ᠠᠨ ᠨᠢᠲᠤᠯᠬᠤ ᠦᠢ᠍ᠯᠡᠳᠪᠦᠷᠢ (ᠦᠢ᠍ᠯᠡᠳᠬᠡᠯ) ᠪᠠᠶ᠋ᠢᠭᠤᠯᠬᠤ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠭᠠᠬᠠᠶ ᠠᠯᠠᠬᠤ ᠬᠠᠮᠢᠶᠠᠷᠤᠯᠲᠠ ᠵᠢᠨ ᠲᠦᠷᠢᠮ》᠎ᠤᠨ ᠵᠢᠷᠭᠤᠳᠤᠭ᠋ᠠᠷ ᠵᠦᠢ᠍ᠯ ᠪᠠ ᠭᠤᠴᠢᠨ ᠬᠣᠶᠠᠳᠤᠭ᠋ᠠᠷ ᠵᠦᠢ᠍ᠯ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢᠲᠠᠨ᠎ᠤ ᠬᠢᠵᠢᠭ᠎ᠢ ᠰᠡᠷᠭᠡᠶ᠋ᠢᠯᠡᠬᠦ ᠳᠦᠷᠢᠮ》᠎ᠤᠨ ᠭᠤᠴᠢᠨ ᠵᠢᠷᠭᠤᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ 《ᠬᠠᠮᠢᠶᠠᠷᠤᠯᠲᠠ ᠵᠢᠨ ᠠᠷᠭ᠎ᠠ》 ᠵᠢᠨ ᠭᠤᠷᠪᠠᠳᠤᠭ᠋ᠠᠷ ᠵᠦᠢ᠍ᠯ᠎ᠳᠤ ᠥᠪᠡᠷᠲᠡᠭᠡᠨ ᠵᠠᠰᠠᠬᠤ ᠣᠷᠣᠨ ᠦᠬᠡᠷ ᠬᠣᠨᠢ ᠢᠮᠠᠭ᠎ᠠ ᠵᠢ ᠴᠢᠭ᠋ ᠲᠣᠭᠲᠠᠭ᠋ᠠᠨ ᠨᠢᠲᠤᠯᠬᠤ ᠂ ᠬᠢᠵᠢᠭ᠎ᠤᠨ ᠪᠠᠶ᠋ᠢᠴᠠᠭ᠋ᠠᠯᠲᠠ ᠵᠢ ᠲᠥᠪᠯᠡᠷᠡᠭᠦᠯᠦᠨ ᠬᠢᠬᠦ ᠳᠦᠷᠢᠮ᠎ᠢ ᠲᠣᠳᠣᠷᠬᠠᠢ᠌ᠯᠠᠪᠠ; ᠲᠣᠭᠲᠠᠭ᠋ᠠᠭᠰᠠᠨ ᠪᠢᠰᠢ ᠪᠣᠯ᠂ ᠶᠠᠮᠠᠷᠪᠠ ᠨᠢᠭᠡᠴᠡ ᠪᠠ ᠬᠤᠪᠢ ᠬᠥᠮᠦᠨ ᠭᠡᠳ ᠦᠬᠡᠷ ᠬᠣᠨᠢ ᠢᠮᠠᠭ᠎ᠠ ᠨᠢᠳᠦᠯᠡᠵᠦ ᠪᠣᠯᠬᠤ ᠦᠭᠡᠢ᠂ ᠮᠠᠯᠵᠢᠬᠤ ᠲᠠᠷᠢᠶᠠᠯᠠᠬᠤ ᠣᠷᠣᠨ᠎ᠤ ᠬᠤᠪᠢ ᠬᠥᠮᠦᠨ ᠥᠪᠡᠰᠦᠪᠡᠨ ᠲᠡᠵᠢᠭᠡᠭᠡᠳ ᠠᠯᠠᠵᠤ ᠢᠳᠡᠬᠦ ᠵᠢ ᠡᠭᠦᠨ᠎ᠳᠤ ᠪᠠᠭᠲᠠᠭ᠋ᠠᠬᠤ ᠦᠭᠡᠢ᠃ ᠡᠭᠦᠨ᠎ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠢ ᠦᠨᠳᠦᠰᠦᠯᠡᠨ᠂ ᠣᠯᠠᠨ ᠲᠦᠮᠡᠨ᠎ᠳᠤ ᠳᠥᠭᠥᠮ ᠦᠵᠡᠭᠦᠯᠵᠦ᠂ ᠠᠵᠤ ᠠᠬᠤᠶ ᠵᠢ ᠬᠥᠭᠵᠢᠭᠦᠯᠬᠦ ᠵᠠᠷᠴᠢᠮ᠎ᠠᠴᠠ ᠡᠭᠦᠰᠴᠦ᠂ 《ᠲᠠᠷᠢᠶᠠᠴᠢᠨ ᠠᠶ᠋ᠢᠯ᠎ᠤᠨ ᠪᠠᠶᠠᠰᠤᠯ》᠂ 《ᠮᠠᠯᠴᠢᠨ ᠠᠶ᠋ᠢᠯ᠎ᠤᠨ ᠵᠢᠭᠤᠯᠴᠢᠯᠠᠯ》᠎ᠳᠤ ᠬᠣᠯᠪᠣᠭᠳᠠᠭᠰᠠᠨ ᠦᠬᠡᠷ ᠬᠣᠨᠢ ᠢᠮᠠᠭ᠎ᠠ ᠨᠢᠲᠤᠯᠬᠤ ᠠᠰᠠᠭᠤᠳᠠᠯ᠎ᠳᠤ ᠬᠠᠨᠳᠤᠭᠤᠯᠵᠤ᠂ 《ᠬᠠᠮᠢᠶᠠᠷᠤᠯᠲᠠ ᠵᠢᠨ ᠠᠷᠭ᠎ᠠ》᠎ᠳᠤ ᠠᠶ᠋ᠢᠮᠠᠭ᠎ᠤᠨ ᠵᠠᠬᠢᠷᠭ᠎ᠠ᠂ ᠲᠣᠭᠣᠷᠢᠭ᠎ᠲᠠᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠲᠤᠰ ᠭᠠᠵᠠᠷ ᠣᠷᠣᠨ᠎ᠤ᠎ᠪᠠᠨ ᠪᠣᠳᠠᠲᠠᠶ ᠬᠠᠮᠢᠶᠠᠷᠬᠤ ᠠᠷᠭ᠎ᠠ ᠵᠢ ᠲᠣᠭᠲᠠᠭ᠋ᠠᠨ᠎ᠠ ᠭᠡᠵᠡᠢ᠃
ᠬᠥᠲᠥᠯᠥᠭᠴᠢ᠄
ᠤᠯᠤᠰ᠎ᠤᠨ ᠠᠵᠤ ᠠᠬᠤᠶ᠋ᠢᠯᠠᠯ᠎ᠤᠨ ᠪᠡᠶᠡᠴᠢ ᠴᠣᠭᠴᠠ ᠵᠢᠨ ᠬᠠᠷᠢᠭᠤᠴᠠᠯᠭ᠎ᠠ ᠪᠠ ᠵᠠᠰᠠᠭ᠎ᠤᠨ ᠣᠷᠳᠣᠨ᠎ᠤ ᠬᠢᠨᠠᠨ ᠬᠠᠮᠢᠶᠠᠷᠬᠤ ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ ᠵᠢ᠂ 《ᠬᠠᠮᠢᠶᠠᠷᠤᠯᠲᠠ ᠵᠢᠨ ᠠᠷᠭ᠎ᠠ》᠎ᠳᠤ ᠬᠡᠷᠬᠢᠨ ᠲᠣᠭᠲᠠᠭ᠋ᠠᠭᠰᠠᠨ ᠪᠤᠢ?
ᠵᠢᠶᠠ ᠯᠢ᠄
ᠮᠠᠯ ᠵᠢᠭᠦᠷᠲᠡᠨ ᠨᠢᠲᠤᠯᠬᠤ᠎ᠨᠢ ᠨᠢᠭᠡ ᠲᠠᠯ᠎ᠠ᠎ᠪᠠᠷ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ᠎ᠲᠠᠢ ᠬᠣᠯᠪᠤᠭᠳᠠᠨ᠂ ᠨᠦᠭᠦᠭᠡ ᠲᠠᠯ᠎ᠠ᠎ᠪᠠᠷ ᠤᠯᠠᠭ᠋ᠠᠨ ᠢᠳᠡᠭᠡᠨ᠎ᠤ ᠬᠡᠷᠡᠭᠯᠡᠭᠡ᠎ᠲᠠᠢ ᠬᠣᠯᠪᠤᠭᠳᠠᠬᠤ ᠪᠣᠯᠬᠤᠷ᠂ ᠮᠠᠯ ᠵᠢᠭᠦᠷᠲᠡᠨ᠎ᠤ ᠠᠰᠢᠭ ᠰᠢᠮ᠎ᠡ ᠵᠢ ᠵᠠᠬ᠎ᠠ ᠳᠡᠯᠭᠡᠭᠦᠷ᠎ᠲᠤ ᠣᠷᠤᠭᠤᠯᠵᠤ ᠠᠷᠠᠳ ᠢᠷᠭᠡᠳ᠎ᠤᠨ ᠬᠣᠭᠣᠯᠠᠨ ᠰᠢᠷᠡᠭᠡᠨ᠎ᠳᠤ ᠭᠠᠷᠭ᠋ᠠᠬᠤ ᠵᠢᠨ ᠡᠮᠦᠨᠡᠬᠢ ᠴᠢᠬᠤᠯᠠ ᠨᠢᠭᠡ ᠵᠠᠩᠭᠢᠯᠠᠭ᠎ᠠ ᠮᠥᠨ᠂ ᠪᠠᠰᠠᠴᠦ ᠬᠢᠨᠠᠯᠲᠠ ᠬᠠᠮᠢᠶᠠᠷᠤᠯᠲᠠ ᠵᠢᠨ ᠦᠷ᠎ᠡ ᠪᠦᠲᠦᠮᠵᠢ᠎ᠪᠠᠷ ᠬᠠᠮᠤᠭ᠎ᠤᠨ ᠥᠨᠳᠥᠷ ᠵᠠᠩᠭᠢᠯᠠᠭ᠎ᠠ ᠮᠦᠨ᠂ ᠲᠡᠷᠡ᠎ᠨᠢ ᠤᠯᠠᠭ᠋ᠠᠨ ᠢᠳᠡᠭᠡᠨ᠎ᠤ ᠶᠠᠰᠤ ᠴᠢᠨᠠᠷ᠎ᠤᠨ ᠠᠮᠤᠷ ᠲᠥᠪᠰᠢᠨ᠎ᠳᠤ ᠬᠣᠯᠪᠣᠭᠳᠠᠵᠤ᠂ ᠠᠷᠠᠳ ᠤᠯᠠᠨ᠎ᠤ ᠡᠷᠡᠭᠦᠯ ᠮᠡᠨᠳᠦ ᠪᠠ ᠠᠮᠢ ᠨᠠᠰᠤᠨ᠎ᠤ ᠠᠮᠤᠷ ᠲᠦᠪᠰᠢᠨ᠎ᠳᠤ ᠬᠣᠯᠪᠣᠭᠳᠠᠵᠤ ᠪᠠᠢ᠌ᠳᠠᠭ᠃ ᠮᠠᠯ᠎ᠤᠨ ᠠᠰᠢᠭ ᠰᠢᠮ᠎ᠡ ᠵᠢᠨ ᠶᠠᠰᠤ ᠴᠢᠨᠠᠷ᠎ᠢ ᠪᠠᠲᠤᠯᠠᠨ᠂ ᠬᠡᠯᠡᠨ ᠳᠡᠭᠡᠷᠡᠬᠢ ᠠᠮᠤᠷ ᠲᠦᠪᠰᠢᠨ᠎ᠢ ᠦᠨᠡᠨᠬᠦ ᠪᠠᠲᠤᠯᠠᠬᠤ ᠵᠢᠨ ᠲᠤᠰᠠᠳᠠ᠂ 《ᠬᠠᠮᠢᠶᠠᠷᠤᠯᠲᠠ ᠵᠢᠨ ᠠᠷᠭ᠎ᠠ》᠎ᠳᠤ ᠦᠬᠡᠷ ᠬᠣᠨᠢ ᠢᠮᠠᠭ᠎ᠠ ᠨᠢᠲᠤᠯᠬᠤ ᠦᠢ᠍ᠯᠡᠳᠪᠦᠷᠢ (ᠲᠠᠯᠠᠪᠠᠢ) ᠪᠣᠯ ᠮᠠᠯ᠎ᠤᠨ ᠠᠰᠢᠭ ᠰᠢᠮ᠎ᠡ ᠵᠢᠨ ᠶᠠᠰᠤ ᠴᠢᠨᠠᠷ᠎ᠤᠨ ᠠᠮᠤᠷ ᠲᠥᠪᠰᠢᠨ᠎ᠤ ᠬᠠᠷᠢᠭᠤᠴᠠᠯᠭ᠎ᠠ ᠵᠢᠨ ᠪᠡᠶᠡᠴᠢ ᠴᠣᠭᠴᠠ ᠮᠦᠨ᠂ ᠨᠡᠶ᠋ᠢᠭᠡᠮ᠎ᠤᠨ ᠬᠢᠨᠠᠯᠲᠠ ᠵᠢ ᠬᠦᠯᠢᠶᠡᠵᠦ᠂ ᠨᠡᠶ᠋ᠢᠭᠡᠮ᠎ᠤᠨ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠶ ᠭᠡᠵᠦ ᠲᠣᠳᠤᠷᠬᠠᠢ ᠲᠣᠭᠲᠠᠭ᠋ᠠᠪᠠ᠃ ᠡᠭᠦᠨ᠎ᠤ ᠬᠠᠮᠲᠤ 《ᠬᠠᠮᠢᠶᠠᠷᠤᠯᠲᠠ ᠵᠢᠨ ᠠᠷᠭ᠎ᠠ》᠎ᠳᠤ ᠦᠬᠡᠷ ᠬᠣᠨᠢ ᠢᠮᠠᠭ᠎ᠠ ᠨᠢᠲᠤᠯᠬᠤ ᠦᠢ᠍ᠯᠡᠳᠪᠦᠷᠢ (ᠲᠠᠯᠠᠪᠠᠢ) ᠵᠢᠨ ᠬᠢᠵᠢᠭ ᠪᠠᠢ᠌ᠴᠠᠭ᠋ᠠᠵᠤ ᠰᠢᠯᠭ᠋ᠠᠨ ᠪᠠᠶ᠋ᠢᠴᠠᠭ᠋ᠠᠬᠤ ᠠᠵᠢᠯᠲᠠᠨ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠮᠠᠯ᠎ᠤᠨ ᠡᠮᠨᠡᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠯ ᠶᠣᠰᠣᠭ᠋ᠠᠷ᠂ ᠬᠢᠵᠢᠭ ᠪᠠᠢ᠌ᠴᠠᠭ᠋ᠠᠵᠤ ᠰᠢᠯᠭ᠋ᠠᠨ ᠪᠠᠶ᠋ᠢᠴᠠᠭ᠋ᠠᠭᠰᠠᠨ ᠮᠡᠳᠡᠭᠦᠯᠦᠯᠲᠡ ᠭᠠᠷᠭ᠋ᠠᠨ᠂ ᠬᠢᠵᠢᠭ ᠪᠠᠢ᠌ᠴᠠᠭ᠋ᠠᠵᠤ ᠰᠢᠯᠭ᠋ᠠᠨ ᠪᠠᠶ᠋ᠢᠴᠠᠭ᠋ᠠᠬᠤ ᠶᠠᠪᠤᠴᠠ ᠪᠠ ᠦᠷ᠎ᠡ ᠳ᠋ᠦᠩ᠎ᠢ ᠦᠨᠡᠨ ᠮᠠᠭ᠋ᠠᠳ ᠵᠶ᠋ᠠᠷ ᠲᠡᠮᠳᠡᠭᠯᠡᠬᠦ ᠪᠥᠭᠡᠳ ᠬᠢᠵᠢᠭ ᠪᠠᠢ᠌ᠴᠠᠭ᠋ᠠᠵᠤ ᠰᠢᠯᠭ᠋ᠠᠨ ᠪᠠᠶ᠋ᠢᠴᠠᠭ᠋ᠠᠭᠰᠠᠨ ᠮᠡᠳᠡᠭᠦᠯᠦᠯᠲᠡ᠎ᠳᠡᠭᠡᠨ ᠬᠠᠷᠢᠭᠤᠴᠠᠬᠤ ᠶᠣᠰᠤᠲᠠᠢ ᠭᠡᠮᠡᠨ ᠲᠣᠭᠲᠠᠭ᠋ᠠᠪᠠ᠃ ᠠᠯᠪᠠᠨ᠎ᠤ ᠮᠠᠯ᠎ᠤᠨ ᠡᠮᠴᠢ᠎ᠠᠴᠠ ᠦᠬᠡᠷ ᠬᠣᠨᠢ ᠢᠮᠠᠭ᠎ᠠ ᠨᠢᠲᠤᠯᠬᠤ ᠦᠢ᠍ᠯᠡᠳᠪᠦᠷᠢ (ᠲᠠᠯᠠᠪᠠᠢ)᠎ᠳᠤ ᠬᠢᠵᠦ ᠥᠭᠭᠦᠭᠰᠡᠨ ᠬᠢᠵᠢᠭ ᠪᠠᠢ᠌ᠴᠠᠭ᠋ᠠᠵᠤ ᠰᠢᠯᠭ᠋ᠠᠨ ᠪᠠᠶ᠋ᠢᠴᠠᠭ᠋ᠠᠭᠰᠠᠨ ᠮᠡᠳᠡᠭᠦᠯᠦᠯᠲᠡ ᠵᠢ ᠬᠢᠨᠠᠨ ᠬᠠᠷᠭᠤᠭᠤᠯᠵᠦ᠂ ᠰᠤᠭᠤᠴᠢᠨ ᠠᠪᠴᠤ ᠰᠢᠯᠭ᠋ᠠᠨ ᠪᠠᠶ᠋ᠢᠴᠠᠭ᠋ᠠᠬᠤ᠂ ᠲᠣᠭᠣᠷᠢᠨ ᠬᠢᠨᠠᠬᠤ ᠵᠡᠷᠭᠡ ᠠᠷᠭ᠎ᠠ ᠬᠡᠮᠵᠢᠶ᠎ᠡ᠎ᠲᠠᠢ ᠤᠶᠠᠯᠳᠤᠭᠤᠯᠳ ᠮᠠᠭ᠋ᠠᠳᠯᠠᠵᠤ᠂ ᠲᠣᠭᠲᠠᠭ᠋ᠠᠭᠰᠠᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠮᠠᠯ᠎ᠤᠨ ᠠᠰᠢᠭ ᠰᠢᠮᠡᠳᠤ 《ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠬᠢᠷᠢ ᠲᠡᠩᠴᠡᠭᠰᠡᠨ ᠭᠡᠷᠡᠴᠢ》 ᠣᠯᠭᠣᠨ᠂ ᠵᠠᠰᠠᠭ᠎ᠤᠨ ᠤᠷᠳᠤᠨ᠎ᠠᠴᠠ ᠦᠬᠡᠷ ᠬᠣᠨᠢ ᠢᠮᠠᠭ᠎ᠠ ᠨᠢᠲᠤᠯᠬᠤ ᠠᠵᠢᠯ ᠲᠥᠷᠥᠯ᠎ᠳᠤ ᠲᠠᠯᠪᠢᠬᠤ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠨ᠎ᠠ᠃
ᠬᠥᠲᠥᠯᠥᠭᠴᠢ᠄
ᠮᠠᠨ᠎ᠤ ᠣᠷᠣᠨ ᠪᠣᠯ ᠴᠥᠭᠡᠨ ᠲᠣᠭ᠋ᠠᠲᠤ ᠦᠨᠳᠦᠰᠦᠲᠡᠨ᠎ᠤ ᠭᠠᠵᠠᠷ ᠣᠷᠣᠨ ᠮᠦᠨ᠂ ᠯᠠᠯᠤ ᠵᠢᠨ ᠱᠠᠰᠢᠨ᠎ᠤ ᠠᠷᠭ᠎ᠠ᠎ᠪᠠᠷ ᠦᠬᠡᠷ ᠬᠣᠨᠢ ᠢᠮᠠᠭ᠎ᠠ ᠨᠢᠲᠤᠯᠬᠤ ᠠᠵᠢᠯ᠎ᠢ 《ᠬᠠᠮᠢᠶᠠᠷᠤᠯᠲᠠ ᠵᠢᠨ ᠠᠷᠭ᠎ᠠ》᠎ᠳᠤ ᠬᠡᠷᠬᠢᠨ ᠲᠣᠭᠲᠠᠭ᠋ᠠᠭᠰᠠᠨ ᠪᠤᠢ?
ᠵᠢᠶᠨ ᠯᠢ᠄
ᠴᠥᠭᠡᠨ ᠲᠣᠭ᠋ᠠᠲᠤ ᠦᠨᠳᠦᠰᠦᠲᠡᠨ᠎ᠤ ᠯᠠᠯᠤ ᠵᠢᠨ ᠱᠠᠰᠢᠨᠲᠠᠳ᠎ᠤᠨ ᠢᠳᠡᠭᠡᠨ ᠤᠮᠳᠠᠭ᠋ᠠᠨ᠎ᠤ ᠵᠠᠩ ᠳᠠᠳᠬᠠᠯ᠎ᠢ ᠬᠦᠨᠳᠦᠳᠬᠡᠨ᠂ ᠦᠨᠳᠦᠰᠦᠲᠡᠨ᠎ᠤ ᠪᠦᠯᠬᠦᠮᠳᠡᠯ ᠪᠠ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠨᠡᠩ ᠰᠠᠢ᠌ᠨ ᠬᠠᠮᠠᠭ᠋ᠠᠯᠠᠬᠤ ᠵᠢᠨ ᠲᠤᠰᠠᠳᠠ᠂ 《ᠬᠠᠮᠢᠶᠠᠷᠤᠯᠲᠠ ᠵᠢᠨ ᠠᠷᠭ᠎ᠠ》 ᠵᠢᠨ ᠠᠷᠪᠠᠨ ᠨᠢᠭᠡᠳᠦᠭᠡᠷ ᠵᠦᠢ᠍ᠯ᠎ᠳᠤ ᠯᠠᠯᠤ ᠵᠢᠨ ᠱᠠᠰᠢᠨ᠎ᠤ ᠠᠷᠭ᠎ᠠ᠎ᠪᠠᠷ ᠦᠬᠡᠷ ᠬᠣᠨᠢ ᠢᠮᠠᠭ᠎ᠠ ᠨᠢᠲᠤᠯᠬᠤ ᠠᠵᠢᠯ᠎ᠢ ᠬᠢᠬᠦ᠎ᠳᠤ᠂ ᠲᠤᠰ ᠠᠷᠭ᠎ᠠ ᠵᠢᠨ ᠲᠣᠭᠲᠠᠭ᠋ᠠᠯ᠎ᠲᠠᠢ ᠨᠡᠢ᠌ᠴᠡᠬᠦ᠎ᠠᠴᠠ ᠭᠠᠳᠠᠨ᠎ᠠ᠂ ᠪᠠᠰᠠ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠯᠠᠯᠤ ᠵᠢᠨ ᠢᠳᠡᠭᠡᠨ᠎ᠤ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠲᠣᠭᠲᠠᠭ᠋ᠠᠯ ᠪᠠ ᠴᠥᠭᠡᠨ ᠲᠣᠭ᠋ᠠᠲᠤ ᠦᠨᠳᠦᠰᠦᠲᠡᠨ᠎ᠤ ᠯᠠᠯᠦ ᠵᠢᠨ ᠢᠳᠡᠭᠡᠨ᠎ᠤ ᠵᠠᠩᠰᠢᠯ᠎ᠲᠠᠢ ᠨᠡᠢ᠌ᠴᠡᠭᠰᠡᠨ ᠪᠠᠢ᠌ᠬᠤ ᠬᠡᠷᠡᠭᠲᠡᠢ ᠭᠡᠵᠦ ᠲᠣᠭᠲᠠᠭ᠋ᠠᠪᠠ᠃
ᠬᠥᠲᠥᠯᠥᠭᠴᠢ᠄
《ᠬᠠᠮᠢᠶᠠᠷᠤᠯᠲᠠ ᠵᠢᠨ ᠠᠷᠭ᠎ᠠ》᠎ᠨᠢ ᠵᠢᠵᠢᠭ ᠬᠡᠯᠪᠡᠷᠢ ᠵᠢᠨ ᠦᠬᠡᠷ ᠬᠣᠨᠢ ᠢᠮᠠᠭ᠎ᠠ ᠨᠢᠲᠤᠯᠬᠤ ᠦᠢ᠍ᠯᠡᠳᠪᠦᠷᠢ (ᠲᠠᠯᠠᠪᠠᠢ) ᠵᠢᠨ ᠲᠤᠬᠠᠢ ᠲᠣᠭᠲᠠᠭ᠋ᠠᠯ ᠭᠠᠷᠭ᠋ᠠᠭᠰᠠᠨ ᠦᠦ?
ᠵᠢᠶᠠ ᠯᠢ᠄
ᠬᠢᠯᠢ ᠬᠢᠵᠠᠭ᠋ᠠᠷ ᠣᠷᠣᠨ ᠪᠠ ᠵᠠᠮ ᠬᠠᠷᠢᠯᠴᠠᠭ᠎ᠠ ᠳᠥᠭᠥᠮ ᠪᠣᠰᠤ ᠮᠠᠯᠵᠢᠬᠤ ᠲᠠᠷᠢᠶᠠᠯᠠᠬᠤ ᠣᠷᠣᠨ᠎ᠤ ᠦᠬᠡᠷ ᠬᠣᠨᠢ ᠢᠮᠠᠭ᠋ᠠᠨ᠎ᠤ ᠢᠳᠡᠰᠢᠨ ᠮᠢᠬ᠎ᠠ ᠵᠢᠨ ᠠᠰᠠᠭᠤᠳᠠᠯ᠎ᠢ ᠰᠢᠢ᠍ᠳᠪᠦᠷᠢᠯᠡᠬᠦ ᠵᠢᠨ ᠲᠤᠰᠠᠳᠠ᠂ 《ᠬᠠᠮᠢᠶᠠᠷᠤᠯᠲᠠ ᠵᠢᠨ ᠠᠷᠭ᠎ᠠ》 ᠵᠢᠨ ᠠᠷᠪᠠᠨ ᠭᠤᠷᠪᠠᠳᠤᠭ᠋ᠠᠷ ᠵᠦᠢ᠍ᠯ᠎ᠳᠤ ᠵᠠᠬ᠎ᠠ ᠬᠢᠵᠠᠭ᠋ᠠᠷ ᠣᠷᠣᠨ ᠪᠠ ᠵᠠᠮ ᠬᠠᠷᠢᠯᠴᠠᠭ᠎ᠠ ᠳᠥᠭᠥᠮ ᠪᠣᠰᠤ ᠮᠠᠯᠵᠢᠬᠤ ᠲᠠᠷᠢᠶᠠᠯᠠᠬᠤ ᠣᠷᠣᠨ᠎ᠳᠤ᠂ ᠵᠥᠪᠬᠡᠨ ᠲᠤᠰ ᠭᠠᠵᠠᠷ ᠣᠷᠣᠨ᠎ᠤ ᠵᠠᠬ᠎ᠠ ᠳᠡᠯᠭᠡᠭᠦᠷ (ᠰᠤᠮᠤ ᠰᠢᠶᠠᠩ ᠪᠠᠯᠭ᠋ᠠᠰᠤ᠎ᠠᠴᠠ ᠳᠣᠷᠣᠭᠰᠢᠬᠢ)᠎ᠲᠤ ᠮᠠᠯ᠎ᠤᠨ ᠠᠰᠢᠭ ᠰᠢᠮ᠎ᠡ ᠬᠠᠩᠭ᠋ᠠᠬᠤ ᠵᠢᠵᠢᠭ ᠬᠡᠯᠪᠡᠷᠢ ᠵᠢᠨ ᠦᠬᠡᠷ ᠬᠣᠨᠢ ᠢᠮᠠᠭ᠎ᠠ ᠨᠢᠲᠤᠯᠬᠤ ᠭᠠᠵᠠᠷ ᠪᠠᠢ᠌ᠭᠤᠯᠵᠤ ᠪᠣᠯᠤᠨ᠎ᠠ ᠭᠡᠵᠦ ᠲᠣᠭᠲᠠᠭ᠋ᠠᠭᠰᠠᠨ ᠪᠥᠭᠡᠳ ᠦᠬᠡᠷ ᠬᠣᠨᠢ ᠢᠮᠠᠭ᠎ᠠ ᠨᠢᠲᠤᠯᠬᠤ ᠭᠠᠵᠠᠷ ᠪᠠᠶ᠋ᠢᠭᠤᠯᠬᠤ ᠵᠢ ᠡᠵᠡᠮᠳᠡᠵᠦ ᠪᠣᠯᠬᠤᠢ᠌ᠴᠠ ᠪᠠᠢ᠌ᠯᠭ᠋ᠠᠬᠤ ᠵᠢᠨ ᠲᠤᠰᠠᠳᠠ᠂ ᠠᠷᠪᠠᠨ ᠳᠥᠷᠪᠡᠳᠦᠭᠡᠷ ᠵᠦᠢ᠍ᠯ᠎ᠳᠤ ᠪᠠᠰᠠ ᠵᠢᠵᠢᠭ ᠬᠡᠯᠪᠡᠷᠢ ᠵᠢᠨ ᠦᠬᠡᠷ ᠬᠣᠨᠢ ᠢᠮᠠᠭ᠎ᠠ ᠨᠢᠲᠤᠯᠬᠤ ᠦᠢ᠍ᠯᠡᠳᠪᠦᠷᠢ (ᠲᠠᠯᠠᠪᠠᠢ) ᠪᠠᠢ᠌ᠭᠤᠯᠬᠤ᠎ᠳᠤ ᠱᠠᠭ᠋ᠠᠷᠳᠠᠭᠳᠠᠬᠤ ᠪᠣᠳᠠᠲᠠᠶ ᠨᠥᠬᠥᠴᠡᠯᠨᠤᠭᠤᠳᠢ ᠲᠣᠭᠲᠠᠭ᠋ᠠᠪᠠ᠃ ᠡᠨᠡ᠎ᠨᠢ 《ᠬᠠᠮᠢᠶᠠᠷᠤᠯᠲᠠ ᠵᠢᠨ ᠠᠷᠭ᠎ᠠ》᠎ᠳᠤ ᠵᠢᠵᠢᠭ ᠬᠡᠯᠪᠡᠷᠢ ᠵᠢᠨ ᠦᠬᠡᠷ ᠬᠣᠨᠢ ᠢᠮᠠᠭ᠎ᠠ ᠨᠢᠲᠤᠯᠬᠤ ᠦᠢ᠍ᠯᠡᠳᠪᠦᠷᠢ (ᠲᠠᠯᠠᠪᠠᠢ) ᠪᠠᠶ᠋ᠢᠭᠤᠯᠬᠤ ᠨᠥᠬᠥᠴᠡᠯ᠎ᠢ ᠠᠩᠬ᠎ᠠ ᠤᠳᠠᠭ᠎ᠠ ᠲᠣᠳᠤᠷᠬᠠᠢ᠌ᠯᠠᠵᠤ᠂ ᠤᠯᠠᠨ ᠵᠢᠯ᠎ᠤᠨ ᠲᠤᠷᠰᠢᠬᠢ ᠪᠥᠬᠥ ᠣᠷᠣᠨ᠎ᠤ ᠵᠢᠵᠢᠭ ᠬᠡᠯᠪᠡᠷᠢ ᠵᠢᠨ ᠨᠢᠲᠤᠯᠬᠤ ᠭᠠᠵᠠᠷ ᠪᠠᠢ᠌ᠭᠤᠯᠬᠤ᠎ᠳᠤ ᠱᠠᠭ᠋ᠠᠷᠳᠠᠭᠳᠠᠬᠤ ᠨᠥᠬᠥᠴᠡᠯ ᠲᠣᠭᠲᠠᠭ᠋ᠠᠭᠰᠠᠨ ᠦᠭᠡᠢ ᠪᠠᠶ᠋ᠢᠳᠠᠯ᠎ᠢ ᠬᠤᠪᠢᠷᠠᠭᠤᠯᠪᠠ᠃
ᠬᠥᠲᠥᠯᠥᠭᠴᠢ᠄
ᠦᠬᠡᠷ ᠬᠣᠨᠢ ᠢᠮᠠᠭ᠎ᠠ ᠨᠢᠲᠤᠯᠬᠤ ᠲᠣᠭᠲᠠᠭᠰᠠᠨ ᠴᠢᠭ᠋ ᠪᠣᠯᠬᠤ ᠦᠢ᠍ᠯᠡᠳᠪᠦᠷᠢ (ᠲᠠᠯᠠᠪᠠᠢ) ᠵᠢ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ ᠪᠠ ᠥᠷᠭᠡᠳᠬᠡᠨ ᠪᠠᠶ᠋ᠢᠭᠤᠯᠬᠤ ᠲᠤᠬᠠᠢ 《ᠬᠠᠮᠢᠶᠠᠷᠤᠯᠲᠠ ᠵᠢᠨ ᠠᠷᠭ᠎ᠠ》᠎ᠳᠤ ᠬᠡᠷᠬᠢᠨ ᠲᠣᠭᠲᠠᠭ᠋ᠠᠭᠰᠠᠨ ᠪᠤᠢ?
ᠵᠢᠶᠠ ᠯᠢ᠄
ᠦᠬᠡᠷ ᠬᠣᠨᠢ ᠢᠮᠠᠭ᠎ᠠ ᠨᠢᠲᠤᠯᠬᠤ ᠦᠢ᠍ᠯᠡᠳᠪᠦᠷᠢ (ᠲᠠᠯᠠᠪᠠᠢ) ᠪᠠᠶ᠋ᠢᠭᠤᠯᠬᠤ᠎ᠨᠢ ᠲᠤᠰᠬᠠᠶ ᠮᠡᠷᠭᠡᠵᠢᠯ᠎ᠤᠨ ᠴᠢᠨᠠᠷ ᠵᠶ᠋ᠠᠷ ᠴᠢᠩᠭ᠎ᠠ ᠪᠣᠯᠬᠣᠷ᠂ ᠪᠠᠢ᠌ᠭᠤᠯᠬᠤ᠎ᠠᠴᠠ ᠡᠮᠦᠨ᠎ᠡ ᠬᠣᠯᠪᠣᠭᠳᠠᠯ ᠪᠦᠬᠦᠢ ᠲᠤᠬᠠᠶ᠋ᠢᠯᠠᠭᠰᠠᠨ ᠠᠵᠢᠯ᠎ᠤᠨ ᠰᠠᠯᠠᠭ᠎ᠠ ᠮᠥᠴᠢᠷ᠎ᠠᠴᠠ ᠤᠷᠢᠳᠴᠢᠯᠠᠨ ᠣᠷᠣᠯᠴᠠᠵᠤ᠂ ᠵᠢᠯᠣᠭᠣᠳᠤᠯᠭ᠎ᠠ ᠵᠥᠪᠯᠡᠯᠭᠡ ᠥᠭᠬᠦ ᠬᠡᠷᠡᠭᠲᠡᠢ᠃ 《ᠬᠠᠮᠢᠶᠠᠷᠤᠯᠲᠠ ᠵᠢᠨ ᠠᠷᠭ᠎ᠠ》 ᠵᠢᠨ ᠠᠷᠪᠠᠨ ᠲᠠᠪᠤᠳᠤᠭ᠋ᠠᠷ ᠵᠦᠢ᠍ᠯ᠎ᠳᠤ ᠦᠬᠡᠷ ᠬᠣᠨᠢ ᠨᠢᠲᠤᠯᠬᠤ ᠲᠣᠭᠲᠠᠭᠰᠠᠨ ᠴᠢᠭ᠋ ᠪᠣᠯᠬᠤ ᠦᠢ᠍ᠯᠡᠳᠪᠦᠷᠢ (ᠲᠠᠯᠠᠪᠠᠢ) ᠵᠢ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ᠎ᠳᠤ ᠭᠤᠶᠤᠴᠢᠯᠠᠭᠴᠢ᠎ᠨᠢ ᠦᠢ᠍ᠯᠡᠳᠪᠦᠷᠢ (ᠲᠠᠯᠠᠪᠠᠢ) ᠵᠢᠨ ᠪᠠᠶ᠋ᠢᠭ᠎ᠠ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠵᠶ᠋ᠡᠨ ᠪᠢᠴᠢᠭ ᠵᠶ᠋ᠠᠷ ᠭᠠᠷᠭ᠋ᠠᠵᠤ᠂ ᠠᠶ᠋ᠢᠮᠠᠭ᠎ᠤᠨ ᠵᠠᠬᠢᠷᠭ᠎ᠠ᠂ ᠲᠣᠭᠣᠷᠢᠭ᠎ᠲᠠᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠠᠯ ᠡᠮᠨᠡᠯᠭᠡ ᠵᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠰ ᠠᠷᠭ᠎ᠠ ᠪᠤᠶᠤ ᠨᠢᠲᠤᠯᠬᠤ ᠠᠵᠢᠯ ᠲᠦ᠍ᠷᠦᠯᠤᠨ ᠬᠥᠭᠵᠢᠯᠲᠡ ᠵᠢᠨ ᠲᠥᠯᠥᠪᠵᠢᠭᠦᠯᠭᠡ ᠶᠣᠰᠣᠭ᠋ᠠᠷ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠬᠢᠨᠠᠨ ᠪᠠᠶ᠋ᠢᠴᠠᠭ᠋ᠠᠵᠤ᠂ ᠪᠢᠴᠢᠭ ᠵᠶ᠋ᠠᠷ ᠲᠣᠭᠲᠠᠭ᠋ᠠᠯ ᠭᠠᠷᠭ᠋ᠠᠵᠤ᠂ ᠨᠥᠬᠥᠴᠡᠯ᠎ᠳᠤ ᠨᠡᠶ᠋ᠢᠴᠡᠬᠦ ᠦᠭᠡᠢ ᠪᠠᠶ᠋ᠢᠪᠠᠯ᠂ ᠤᠴᠢᠷ ᠰᠢᠯᠲᠠᠭ᠋ᠠᠨ᠎ᠢ᠎ᠨᠢ ᠪᠢᠴᠢᠭ ᠵᠶ᠋ᠠᠷ ᠲᠣᠳᠣᠷᠬᠠᠶ᠋ᠢᠯᠠᠬᠤ ᠬᠡᠷᠡᠭᠲᠡᠶ᠃ ᠢᠩᠭᠢᠪᠡᠯ ᠪᠦᠳᠦᠭᠡᠨ ᠪᠠᠶ᠋ᠢᠭᠤᠯᠤᠯᠲᠠ ᠵᠢᠨ ᠶᠠᠪᠤᠴᠠ ᠳᠤᠮᠳᠠ ᠭᠠᠷᠤᠭᠰᠠᠨ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠪᠠᠷᠢᠮᠵᠢᠶ᠎ᠠ᠎ᠳᠤ ᠨᠡᠶ᠋ᠢᠴᠡᠬᠦ ᠦᠭᠡᠢ ᠪᠠᠢ᠌ᠳᠠᠯ᠎ᠠᠴᠠ ᠪᠦᠲᠦᠮᠵᠢᠲᠡᠢ᠎ᠪᠠᠷ ᠵᠠᠢ᠌ᠯᠠᠰᠬᠢᠵᠤ᠂ ᠪᠦᠳᠦᠭᠡᠨ ᠪᠠᠶ᠋ᠢᠭᠤᠯᠬᠤ ᠠᠬᠢᠴᠠ ᠵᠢ ᠲᠦᠷᠭᠡᠳᠬᠡᠵᠦ᠂ ᠡᠬᠢ ᠪᠠᠶᠠᠯᠢᠭ᠎ᠢ ᠪᠦᠷᠢᠯᠭᠡᠨ ᠰᠦᠢ᠍ᠳᠬᠡᠬᠦ ᠵᠢ ᠪᠠᠭ᠋ᠠᠰᠬᠠᠬᠤ ᠪᠣᠯᠣᠨ᠎ᠠ᠃
ᠬᠥᠲᠥᠯᠥᠭᠴᠢ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠬᠡᠷ ᠬᠣᠨᠢ ᠢᠮᠠᠭ᠎ᠠ ᠨᠢᠲᠤᠯᠬᠤ ᠬᠠᠮᠢᠶᠠᠷᠤᠯᠲᠠ ᠵᠢᠨ ᠠᠷᠭ᠎ᠠ》 ᠪᠣᠯ 2013 ᠣᠨ᠎ᠤ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠲᠠᠷᠠᠭ᠎ᠠ ᠬᠠᠮᠢᠶᠠᠷᠤᠯᠲᠠ ᠵᠢᠨ ᠡᠭᠦᠷᠭᠡ ᠲᠤᠰᠢᠶᠠᠯ᠎ᠢ ᠬᠤᠳᠠᠯᠳᠤᠭ᠋ᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠠᠴᠠ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠮᠥᠴᠢᠷ᠎ᠲᠤ ᠬᠤᠪᠢᠶᠠᠷᠢᠯᠠᠨ ᠰᠢᠯᠵᠢᠭᠦᠯᠦᠭᠰᠡᠨᠤ ᠳᠠᠷᠠᠭ᠎ᠠ ᠨᠡᠢ᠌ᠲᠡᠯᠡᠨ ᠬᠡᠷᠡᠭᠵᠢᠭᠦᠯᠦᠭᠰᠡᠨ ᠪᠦᠬᠦ ᠤᠯᠤᠰ᠎ᠲᠠᠬᠢ ᠦᠬᠡᠷ ᠬᠣᠨᠢ ᠢᠮᠠᠭ᠎ᠠ ᠨᠢᠲᠤᠯᠬᠤ ᠵᠢ ᠵᠢᠷᠤᠮᠵᠢᠭᠤᠯᠬᠤ ᠬᠠᠮᠢᠶᠠᠷᠤᠯᠲᠠ ᠵᠢᠨ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠩᠬᠠᠳᠠᠭᠴᠢ ᠳᠦᠷᠢᠮ ᠲᠣᠭᠲᠠᠭ᠋ᠠᠯ ᠪᠣᠯᠣᠨ᠎ᠠ᠂ ᠲᠡᠭᠡᠪᠡᠯ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠡᠭᠦᠷᠭᠡ ᠲᠤᠰᠢᠶᠠᠯ᠎ᠢ ᠠᠯᠢ ᠬᠡᠳᠦᠨ ᠰᠠᠯᠠᠭ᠎ᠠ ᠮᠥᠴᠢᠷ᠎ᠠᠴᠠ ᠪᠣᠳᠠᠲᠠᠶ ᠬᠠᠷᠢᠭᠤᠴᠠᠬᠤ ᠪᠣᠢ? ᠡᠯ᠎ᠡ ᠰᠠᠯᠠᠭ᠎ᠠ ᠮᠥᠴᠢᠷ᠎ᠤᠨ ᠡᠭᠦᠷᠭᠡ ᠲᠤᠰᠢᠶᠠᠯ᠎ᠢ ᠬᠡᠷᠬᠢᠨ ᠵᠠᠯᠭ᠋ᠠᠬᠤ ᠪᠤᠶ?
ᠵᠢᠶᠠ ᠯᠢ᠄
2013 ᠣᠨ᠎ᠳᠤ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠪᠠᠶ᠋ᠢᠭᠤᠯᠤᠮᠵᠢ ᠵᠢ ᠥᠭᠡᠷᠡᠴᠢᠯᠡᠬᠦ ᠲᠥᠰᠦᠯ᠎ᠳᠤ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠡᠭᠦᠷᠭᠡᠯᠡᠵᠦ ᠪᠠᠶ᠋ᠢᠭᠰᠠᠨ ᠭᠠᠬᠠᠶ ᠨᠢᠲᠤᠯᠬᠤ ᠲᠣᠭᠲᠠᠭ᠋ᠠᠭᠰᠠᠨ ᠴᠢᠭ᠋᠎ᠢ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠵᠢ ᠬᠥᠳᠡᠭᠡ ᠠᠵᠤ ᠠᠬᠤᠶ ᠵᠢᠨ ᠶᠠᠮᠤᠨ᠎ᠳᠤ ᠬᠤᠪᠢᠶᠠᠷᠢᠯᠠᠨ ᠥᠭᠬᠦ᠎ᠪᠠᠷ ᠲᠣᠳᠣᠷᠬᠠᠢ᠌ᠯᠠᠪᠠ᠃ 2014 ᠣᠨ᠎ᠤ 10 ᠳ᠋ᠤᠭ᠋ᠠᠷ ᠰᠠᠷ᠎ᠠ ᠵᠢᠨ ᠰᠡᠭᠦᠯᠴᠢ᠎ᠪᠠᠷ᠂ ᠲᠤᠢ᠍ᠷᠦ ᠵᠢᠨ ᠶᠠᠪᠤᠳᠠᠯ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠱᠠᠭ᠋ᠠᠷᠳᠠᠯᠭ᠎ᠠ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠭᠦᠷᠭᠡ ᠴᠢᠳᠠᠪᠤᠷᠢ ᠵᠢᠨ ᠬᠤᠪᠢᠶᠠᠷᠢᠯᠠᠨ ᠰᠢᠯᠵᠢᠭᠦᠯᠬᠦ ᠵᠢ ᠪᠡᠶᠡᠯᠡᠭᠦᠯᠵᠦ᠂ 2015 ᠣᠨ᠎ᠤ 1 ᠳ᠋ᠦ᠍ᠭᠡᠷ ᠰᠠᠷ᠎ᠠ ᠵᠢᠨ 5᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ ᠪᠣᠯᠤᠨ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠯᠦᠭᠡ ᠠᠵᠢᠯ ᠵᠶ᠋ᠡᠨ ᠲᠤᠰᠢᠶᠠᠬᠤ ᠪᠠ ᠬᠦᠯᠢᠶᠠᠨ ᠠᠪᠬᠤ ᠵᠢ ᠪᠡᠶᠡᠯᠡᠭᠦᠯᠪᠡ᠃ ᠤᠳᠤ ᠵᠢᠨ ᠬᠡᠷᠡᠭᠵᠢᠭᠦᠯᠵᠦ ᠪᠠᠶ᠋ᠢᠭ᠎ᠠ ᠬᠢᠨᠠᠯᠲᠠ ᠬᠠᠮᠢᠶᠠᠷᠤᠯᠲᠠ ᠵᠢᠨ ᠵᠠᠭᠪᠤᠷ ᠶᠣᠰᠣᠭ᠋ᠠᠷ᠂ ᠤᠯᠠᠭ᠋ᠠᠨ ᠢᠳᠡᠭᠡᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠡᠭᠦᠷᠭᠡ ᠴᠢᠳᠠᠪᠤᠷᠢ ᠵᠢ ᠭᠣᠣᠯᠳᠠᠭᠤ ᠲᠠᠷᠢᠶᠠᠯᠠᠩ ᠮᠠᠯ ᠠᠵᠤ ᠠᠬᠤᠶ ᠪᠣᠯᠣᠨ ᠢᠳᠡᠭᠡᠨ ᠡᠮ᠎ᠤᠨ ᠵᠦᠢ᠍ᠯ ᠬᠣᠶᠠᠷ ᠰᠠᠯᠠᠭ᠎ᠠ ᠮᠥᠴᠢᠷ᠎ᠠᠴᠠ ᠬᠠᠷᠢᠭᠤᠴᠠᠨ᠂ ᠥᠩᠭᠡᠷᠡᠭᠰᠡᠨ᠎ᠤ ᠣᠯᠠᠨ ᠰᠠᠯᠠᠭ᠎ᠠ ᠮᠥᠴᠢᠷ᠎ᠠᠴᠠ ᠬᠠᠮᠢᠶᠠᠷᠴᠤ ᠪᠠᠢ᠌ᠭᠰᠠᠨ ᠪᠠᠶ᠋ᠢᠳᠠᠯ᠎ᠢ ᠬᠤᠪᠢᠷᠠᠭᠤᠯᠪᠠ᠃ ᠤᠯᠠᠭ᠋ᠠᠨ ᠢᠳᠡᠭᠡᠨ᠎ᠢ ᠵᠠᠬ᠎ᠠ ᠳᠡᠯᠭᠡᠭᠦᠷ᠎ᠲᠤ ᠣᠷᠣᠭᠤᠯᠬᠤ᠎ᠠᠴᠠ ᠡᠮᠦᠨ᠎ᠡ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠮᠥᠴᠢᠷ ᠬᠠᠷᠢᠭᠤᠴᠠᠵᠤ᠂ ᠵᠠᠬ᠎ᠠ ᠳᠡᠯᠭᠡᠭᠦᠷ᠎ᠲᠤ ᠤᠷᠤᠭᠰᠠᠨ᠎ᠤ ᠲᠠᠷᠠᠭ᠎ᠠ ᠵᠢᠴᠢ ᠪᠣᠯᠪᠠᠰᠤᠷᠠᠭᠤᠯᠬᠤ ᠵᠠᠩᠭᠢᠯᠠᠭ᠎ᠠ᠎ᠳᠤ ᠢᠳᠡᠭᠡᠨ ᠪᠠ ᠡᠮ᠎ᠤᠨ ᠵᠦᠢ᠍ᠯ᠎ᠤᠨ ᠰᠠᠯᠠᠭ᠎ᠠ ᠮᠥᠴᠢᠷ᠎ᠠᠴᠠ ᠬᠠᠷᠢᠭᠤᠴᠠᠬᠤ ᠵᠢ ᠲᠣᠳᠣᠷᠬᠠᠢ᠌ᠯᠠᠪᠠ᠂ ᠥᠭᠡᠷ᠎ᠡ᠎ᠪᠠᠷ ᠬᠡᠯᠡᠪᠡᠯ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠵᠦ ᠨᠢᠲᠤᠯᠬᠤ᠎ᠠᠴᠠ ᠡᠮᠦᠨ᠎ᠡ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠮᠥᠴᠢᠷ᠎ᠠᠴᠠ ᠬᠢᠨᠠᠨ ᠬᠠᠮᠢᠶᠠᠷᠴᠦ᠂ ᠤᠯᠠᠭ᠋ᠠᠨ ᠢᠳᠡᠭᠡᠨ ᠭᠦᠢ᠍ᠯᠭᠡᠭᠡᠨ᠎ᠤ ᠵᠠᠩᠭᠢᠯᠠᠭ᠎ᠠ ᠵᠢᠴᠢ ᠪᠣᠯᠪᠠᠰᠤᠷᠠᠭᠤᠯᠤᠨ ᠦᠢ᠍ᠯᠡᠳᠪᠦᠷᠢᠯᠡᠬᠦ ᠵᠡᠷᠭᠡ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ᠎ᠳᠤ ᠣᠷᠣᠬᠤ᠎ᠳᠤ ᠢᠳᠡᠭᠡᠨ ᠪᠠ ᠡᠮ᠎ᠤᠨ ᠵᠦᠢ᠍ᠯ᠎ᠤᠨ ᠰᠠᠯᠠᠭ᠎ᠠ ᠮᠥᠴᠢᠷ᠎ᠠᠴᠠ ᠬᠢᠨᠠᠨ ᠬᠠᠮᠢᠶᠠᠷᠤᠨ᠎ᠠ᠃ ᠡᠭᠦᠨ᠎ᠤ ᠬᠠᠮᠲᠤ᠂ ᠲᠠᠷᠢᠶᠠᠯᠠᠩ ᠮᠠᠯ ᠠᠵᠤ ᠠᠬᠤᠶ ᠪᠠ ᠢᠳᠡᠭᠡᠨ ᠡᠮ᠎ᠤᠨ ᠵᠦᠢ᠍ᠯ᠎ᠤᠨ ᠰᠠᠯᠠᠭ᠎ᠠ ᠮᠥᠴᠢᠷ ᠠᠵᠢᠯ ᠵᠶ᠋ᠠᠨ ᠨᠡᠩ ᠰᠠᠢ᠌ᠨ ᠵᠠᠯᠭ᠋ᠠᠯᠳᠤᠭᠤᠯᠬᠤ ᠵᠢᠨ ᠲᠤᠰᠠᠳᠠ᠂ ᠨᠢᠭᠡᠨᠲᠡ ᠬᠣᠶᠠᠷ ᠰᠠᠯᠠᠭ᠎ᠠ ᠮᠥᠴᠢᠷ ᠬᠠᠮᠲᠤᠷᠠᠨ ᠪᠢᠴᠢᠭ ᠮᠠᠲ᠋ᠧᠷᠢᠶᠠᠯ ᠲᠠᠷᠬᠠᠭ᠋ᠠᠨ ᠡᠭᠦᠷᠭᠡ ᠬᠠᠷᠢᠭᠤᠴᠠᠯᠭ᠎ᠠ᠎ᠪᠠᠨ ᠨᠠᠷᠢᠯᠢᠭᠵᠢᠭᠤᠯᠵᠤ᠂ ᠡᠭᠦᠷᠭᠡ ᠴᠢᠳᠠᠪᠤᠷᠢ᠎ᠪᠠᠨ ᠬᠢᠵᠠᠭ᠋ᠠᠷ᠎ᠢ ᠲᠣᠳᠣᠷᠬᠠᠢ᠌ᠯᠠᠪᠠ᠃
ᠬᠥᠲᠥᠯᠥᠭᠴᠢ᠄
ᠡᠳᠦᠷ ᠲᠤᠲᠤᠮ᠎ᠤᠨ ᠠᠮᠢᠳᠤᠷᠠᠯ ᠳᠤᠮᠳᠠ ᠮᠠᠯ᠎ᠤᠨ ᠠᠰᠢᠭ ᠰᠢᠮ᠎ᠡ ᠵᠢᠨ ᠠᠮᠤᠷ ᠲᠦᠪᠰᠢᠨ᠎ᠤ ᠠᠰᠠᠭᠤᠳᠠᠯ ᠣᠷᠣᠰᠢᠵᠤ ᠪᠠᠢ᠌ᠬᠤ ᠵᠢ ᠢᠯᠡᠷᠡᠭᠦᠯᠪᠡᠯ ᠶᠠᠭ᠋ᠠᠬᠢᠪᠠᠯ ᠵᠣᠬᠢᠬᠤ ᠪᠤᠢ?
ᠵᠢᠶᠠ ᠯᠢ᠄
ᠮᠠᠨ᠎ᠤ ᠤᠷᠤᠨ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ ᠵᠢᠨ ᠶᠡᠬᠡ ᠣᠷᠣᠨ᠂ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭ᠋ᠠᠬᠤ ᠴᠢᠬᠤᠯᠠ ᠰᠠᠭᠤᠷᠢᠨ ᠭᠠᠵᠠᠷ ᠪᠣᠯᠤᠭᠰᠠᠨ᠎ᠤ ᠬᠤᠪᠢ᠎ᠳᠤ᠂ ᠦᠢ᠍ᠯᠡᠳᠪᠦᠷᠢᠯᠡᠯ᠎ᠢ ᠬᠦᠭᠵᠢᠭᠦᠯᠬᠦ ᠦᠶ᠎ᠡ᠎ᠳᠤ᠂ ᠢᠳᠡᠭᠡᠨ᠎ᠤ ᠠᠮᠤᠷ ᠲᠦᠪᠰᠢᠨ᠎ᠤ ᠠᠰᠠᠭᠤᠳᠠᠯ ᠭᠠᠷᠪᠠᠯ᠂ ᠬᠡᠷᠡᠭᠯᠡᠭᠴᠢ ᠵᠢ ᠬᠤᠤᠷᠯᠠᠵᠤ᠂ ᠠᠵᠤ ᠠᠬᠤᠶ᠋ᠢᠯᠠᠯ ᠵᠶ᠋ᠡᠨ ᠴᠦ᠍ ᠦᠭᠡᠢ ᠬᠢᠬᠦ ᠪᠤᠯᠤᠨ᠎ᠠ᠃ ᠬᠡᠯᠡᠨ ᠳᠡᠭᠡᠷᠡᠬᠢ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠵᠢᠨ ᠲᠥᠯᠥᠭᠡ᠂ ᠠᠵᠤ ᠠᠬᠤᠶ᠋ᠢᠯᠠᠯ᠎ᠨᠢ ᠵᠠᠪᠠᠯ ᠢᠲᠡᠭᠡᠯ ᠬᠦᠨᠳᠦ ᠵᠢ ᠰᠠᠢ᠌ᠲᠤᠷ ᠠᠳᠬᠤᠵᠤ᠂ ᠠᠷᠠᠳ ᠤᠯᠠᠨ᠎ᠤ ᠠᠮᠢᠳᠤᠷᠠᠯ᠎ᠳᠤ ᠢᠳᠡᠭᠡᠨ᠎ᠤ ᠠᠮᠤᠷ ᠲᠦᠪᠰᠢᠨ᠎ᠢ ᠬᠠᠩᠭ᠋ᠠᠬᠤ ᠬᠡᠷᠡᠭᠲᠡᠶ᠃ ᠡᠶ᠋ᠢᠮᠦ᠎ᠠᠴᠠ 《ᠬᠠᠮᠢᠶᠠᠷᠤᠯᠲᠠ ᠵᠢᠨ ᠠᠷᠭ᠎ᠠ》 ᠵᠢᠨ ᠬᠣᠷᠢᠨ ᠨᠠᠢ᠍ᠮᠠᠳᠤᠭ᠋ᠠᠷ ᠵᠦᠢ᠍ᠯ᠎ᠳᠤ᠂ ᠦᠬᠡᠷ ᠬᠣᠨᠢ ᠢᠮᠠᠭ᠎ᠠ ᠨᠢᠲᠤᠯᠬᠤ ᠲᠤᠭᠲᠠᠭᠰᠠᠨ ᠴᠢᠭ᠋ ᠪᠤᠯᠬᠤ ᠦᠢ᠍ᠯᠡᠳᠪᠦᠷᠢ (ᠲᠠᠯᠠᠪᠠᠢ)᠎ᠨᠤᠭᠤᠳ ᠮᠠᠯ᠎ᠤᠨ ᠠᠰᠢᠭ ᠰᠢᠮ᠎ᠡ ᠵᠢ ᠡᠭᠡᠭᠦᠯᠦᠨ ᠠᠪᠴᠢᠷᠠᠬᠤ ᠳᠦᠷᠢᠮ᠎ᠢ ᠪᠠᠶ᠋ᠢᠭᠤᠯᠵᠤ᠂ ᠮᠠᠯ᠎ᠤᠨ ᠠᠰᠢᠭ ᠰᠢᠮ᠎ᠡ ᠵᠢᠨ ᠠᠮᠤᠷ ᠲᠦᠪᠰᠢᠨ ᠪᠤᠰᠤ ᠳᠠᠯᠳᠠ ᠭᠡᠮ ᠣᠷᠣᠰᠢᠵᠤ ᠪᠠᠢ᠌ᠬᠤ᠂ ᠣᠯᠠᠨ ᠨᠡᠶ᠋ᠢᠲᠡ ᠵᠢᠨ ᠡᠷᠡᠭᠦᠯ ᠮᠡᠨᠳᠦ ᠪᠠ ᠠᠮᠢ ᠨᠠᠰᠤᠨ᠎ᠤ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠵᠤ ᠮᠡᠳᠡᠬᠦ ᠵᠢ ᠤᠯᠵᠤ ᠮᠡᠳᠡᠪᠡᠯ᠂ ᠲᠡᠷᠡ ᠳᠠᠷᠤᠶᠳᠤᠨᠢ ᠦᠢ᠍ᠯᠡᠳᠪᠦᠷᠢᠯᠡᠬᠦ᠎ᠪᠠᠨ ᠵᠣᠭᠰᠣᠭ᠋ᠠᠵᠤ᠂ ᠪᠣᠷᠣᠯᠠᠭᠤᠯᠤᠭᠴᠢᠳ ᠪᠠ ᠬᠡᠷᠡᠭᠯᠡᠭᠴᠢᠳ᠎ᠲᠤ ᠮᠡᠳᠡᠭᠳᠡᠵᠦ᠂ ᠨᠢᠭᠡᠨᠲᠡ ᠵᠠᠬ᠎ᠠ ᠳᠡᠯᠭᠡᠭᠦᠷ᠎ᠲᠤ ᠭᠠᠷᠭ᠋ᠠᠨ ᠪᠣᠷᠣᠯᠠᠭᠤᠯᠵᠤ ᠪᠠᠢ᠌ᠭ᠎ᠠ ᠮᠠᠯ᠎ᠤᠨ ᠠᠰᠢᠭ ᠰᠢᠮ᠎ᠡ᠎ᠪᠠᠨ ᠡᠭᠡᠭᠦᠯᠦᠨ ᠠᠪᠴᠢᠷᠠᠬᠤ ᠵᠢᠨ ᠬᠠᠮᠲᠤ ᠡᠭᠡᠭᠦᠯᠦᠨ ᠠᠪᠴᠢᠷᠠᠭᠰᠠᠨ ᠪᠠ ᠮᠡᠳᠡᠭᠳᠡᠭᠰᠡᠨ ᠪᠠᠶ᠋ᠢᠳᠠᠯ ᠵᠶ᠋ᠠᠨ ᠲᠡᠮᠳᠡᠭᠯᠡᠵᠦ᠂ ᠡᠭᠡᠭᠦᠯᠵᠦ ᠠᠪᠴᠢᠷᠠᠭᠰᠠᠨ ᠮᠠᠯ᠎ᠤᠨ ᠠᠰᠢᠭ ᠰᠢᠮ᠎ᠡ ᠵᠢ ᠬᠣᠣᠷ ᠦᠭᠡᠢ ᠪᠤᠯᠭ᠋ᠠᠨ ᠰᠢᠢ᠍ᠳᠪᠦᠷᠢᠯᠡᠬᠦ ᠬᠡᠷᠡᠭᠲᠡᠶ᠃ ᠡᠨᠡ᠎ᠨᠢ ᠮᠥᠨ ᠴᠦ᠍ 《ᠬᠠᠮᠢᠶᠠᠷᠤᠯᠲᠠ ᠵᠢᠨ ᠠᠷᠭ᠎ᠠ》᠎ᠳᠤ ᠮᠠᠯ᠎ᠤᠨ ᠠᠰᠢᠭ ᠰᠢᠮ᠎ᠡ ᠵᠢᠨ ᠲᠤᠬᠠᠢ ᠠᠩᠬ᠎ᠠ ᠤᠳᠠᠭ᠎ᠠ ᠬᠡᠷᠡᠭᠵᠢᠭᠦᠯᠵᠦ ᠪᠠᠢ᠌ᠭ᠎ᠠ ᠪᠦᠲᠦᠭᠡᠭᠲᠡᠬᠦᠨ ᠵᠶ᠋ᠡᠨ ᠡᠭᠡᠭᠦᠯᠵᠦ ᠠᠪᠴᠢᠷᠠᠬᠤ ᠳᠦᠷᠢᠮ ᠪᠤᠯᠤᠨ᠎ᠠ᠃
ᠬᠥᠲᠥᠯᠥᠭᠴᠢ᠄
ᠲᠡᠭᠡᠪᠡᠯ ᠡᠩ᠎ᠤᠨ ᠨᠢᠭᠡᠨ ᠬᠡᠷᠡᠭᠯᠡᠭᠴᠢ ᠵᠠᠬ᠎ᠠ ᠳᠡᠯᠭᠡᠭᠦᠷ ᠳᠡᠭᠡᠷ᠎ᠡ ᠪᠣᠷᠣᠯᠠᠭᠤᠯᠤᠭᠳᠠᠵᠤ ᠪᠠᠶ᠋ᠢᠭ᠎ᠠ ᠤᠯᠠᠭ᠋ᠠᠨ ᠮᠢᠬᠠᠨ ᠢᠳᠡᠭᠡᠨ᠎ᠤ ᠬᠢᠷᠢ ᠲᠡᠩᠴᠡᠬᠦ ᠡᠰᠡᠭᠦ ᠵᠢ ᠬᠡᠷᠬᠢᠨ ᠢᠯᠭ᠋ᠠᠨ ᠲᠠᠨᠢᠬᠤ ᠪᠤᠢ?
ᠵᠢᠶᠠ ᠯᠢ᠄
ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠲᠣᠭᠲᠠᠭ᠋ᠠᠯ ᠶᠣᠰᠣᠭ᠋ᠠᠷ᠂ ᠬᠢᠷᠢ ᠲᠡᠩᠴᠡᠭᠰᠡᠨ ᠤᠯᠠᠭ᠋ᠠᠨ ᠢᠳᠡᠭᠡᠨ᠎ᠨᠢ ᠡᠷᠬᠡᠪᠰᠢ ᠶᠠᠰᠤ ᠴᠢᠨᠠᠷ᠎ᠤᠨ ᠰᠢᠯᠭ᠋ᠠᠨ ᠪᠠᠶ᠋ᠢᠴᠠᠭ᠋ᠠᠯᠲᠠ ᠪᠠ ᠬᠢᠵᠢᠭ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠪᠠᠢ᠌ᠬᠤ ᠶᠤᠰᠤᠲᠠᠢ᠃ ᠡᠶ᠋ᠢᠮᠦ᠎ᠠᠴᠠ᠂ ᠵᠠᠬ᠎ᠠ ᠳᠡᠯᠭᠡᠭᠦᠷ ᠳᠡᠭᠡᠷᠡᠬᠢ ᠤᠯᠠᠭ᠋ᠠᠨ ᠢᠳᠡᠭᠡᠨ᠎ᠤ ᠬᠢᠷᠢ ᠲᠡᠩᠴᠡᠬᠦ ᠡᠰᠡᠭᠦ ᠵᠢ ᠢᠯᠭ᠋ᠠᠨ ᠲᠠᠨᠢᠬᠤ᠎ᠳᠠᠭᠠᠨ ᠬᠣᠯᠪᠣᠭᠳᠠᠯ ᠪᠦᠬᠦᠢ ᠭᠡᠷᠡᠴᠢ ᠲᠡᠮᠳᠡᠭ᠎ᠢ ᠪᠠᠢ᠌ᠴᠠᠭ᠋ᠠᠨ ᠦᠵᠡᠬᠦ ᠠᠷᠭ᠎ᠠ᠎ᠪᠠᠷ ᠳᠠᠮᠵᠢᠵᠤ ᠪᠣᠯᠤᠨ᠎ᠠ᠂ ᠶᠠᠰᠤ ᠴᠢᠨᠠᠷ᠎ᠤᠨ ᠰᠢᠯᠭ᠋ᠠᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠡᠰᠡᠬᠦ ᠵᠢ ᠪᠠᠢ᠌ᠴᠠᠭ᠋ᠠᠭᠰᠠᠨ ᠲᠠᠮᠠᠭ᠎ᠠ ᠪᠠ ᠬᠢᠵᠢᠭ ᠪᠠᠶ᠋ᠢᠴᠠᠭ᠋ᠠᠯᠲᠠ ᠵᠢᠨ ᠬᠢᠷᠢ ᠲᠡᠩᠴᠡᠭᠰᠡᠨ ᠡᠰᠡᠭᠦ ᠵᠢ ᠪᠠᠢ᠌ᠴᠠᠭ᠋ᠠᠬᠤ ᠵᠢᠨ ᠬᠠᠮᠲᠤ ᠪᠣᠷᠣᠯᠠᠭᠤᠯᠵᠤ ᠪᠠᠢ᠌ᠭ᠎ᠠ ᠤᠯᠠᠭ᠋ᠠᠨ ᠢᠳᠡᠭᠡᠨ᠎ᠨᠢ 《ᠶᠠᠰᠤ ᠴᠢᠨᠠᠷ᠎ᠤᠨ ᠰᠢᠯᠭ᠋ᠠᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠦᠨᠡᠮᠯᠡᠯ》 ᠪᠠ 《ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠬᠢᠷᠢ ᠲᠡᠩᠴᠡᠭᠰᠡᠨ ᠭᠡᠷᠡᠴᠢ》 (ᠬᠣᠶᠠᠷ ᠦᠨᠡᠮᠯᠡᠯ ᠬᠣᠶᠠᠷ ᠲᠠᠮᠠᠭ᠎ᠠ ᠭᠡᠵᠦ ᠲᠣᠪᠴᠢᠯᠠᠨ᠎ᠠ) ᠳᠠᠭ᠋ᠠᠯᠳᠤᠭᠤᠯᠤᠭᠰᠠᠨ ᠪᠠᠶ᠋ᠢᠬᠤ ᠡᠰᠡᠭᠦ᠂ ᠬᠡᠰᠡᠭᠯᠡᠵᠦ᠂ ᠪᠤᠭᠤᠳᠠᠯᠯᠠᠭᠰᠠᠨ ᠠᠮᠢᠲᠠᠨ᠎ᠤ ᠪᠦᠲᠦᠭᠡᠭᠲᠡᠬᠦᠨ᠎ᠳᠤ ᠶᠠᠰᠤ ᠴᠢᠨᠠᠷ᠎ᠤᠨ ᠰᠢᠯᠭ᠋ᠠᠨ ᠪᠠᠢ᠌ᠴᠠᠭ᠋ᠠᠯᠲᠠ ᠵᠢᠨ ᠬᠢᠷᠢ ᠲᠡᠩᠴᠡᠭᠰᠡᠨ ᠲᠡᠮᠳᠡᠭ ᠪᠠ ᠠᠮᠢᠲᠠᠨ᠎ᠤ ᠬᠢᠵᠢᠭ ᠪᠠᠶ᠋ᠢᠴᠠᠭ᠋ᠠᠯᠲᠠ ᠵᠢᠨ ᠬᠢᠷᠢ ᠲᠡᠩᠴᠡᠭᠰᠡᠨ ᠲᠡᠮᠳᠡᠭ ᠪᠠᠢ᠌ᠬᠤ ᠡᠰᠡᠬᠦ ᠵᠢ ᠦᠵᠡᠨ᠎ᠡ᠃ ᠵᠠᠬ᠎ᠠ ᠳᠡᠯᠭᠡᠭᠦᠷ᠎ᠤᠨ ᠭᠦᠢ᠍ᠯᠭᠡᠭᠡᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠠᠬ᠎ᠠ ᠳᠡᠯᠭᠡᠭᠦᠷ ᠳᠡᠭᠡᠷ᠎ᠡ ᠮᠥᠨ ᠯᠡ 《ᠬᠣᠶᠠᠷ ᠦᠨᠡᠮᠯᠡᠯ ᠬᠣᠶᠠᠷ ᠲᠠᠮᠠᠭ᠎ᠠ》 ᠵᠢ ᠪᠠᠢ᠌ᠴᠠᠭ᠋ᠠᠨ ᠰᠢᠯᠭ᠋ᠠᠬᠤ᠎ᠪᠠᠷ ᠳᠠᠮᠵᠢᠭᠤᠯᠤᠨ ᠠᠮᠢᠲᠠᠨ᠎ᠤ ᠪᠦᠲᠦᠭᠡᠭᠲᠡᠬᠦᠨᠢ ᠵᠠᠬ᠎ᠠ ᠳᠡᠯᠭᠡᠭᠦᠷ᠎ᠲᠤ ᠣᠷᠣᠬᠤ ᠵᠦᠪᠰᠢᠶᠡᠷᠡᠯ᠎ᠤᠨ ᠦᠨᠳᠦᠰᠦᠨ ᠨᠥᠬᠥᠴᠡᠯ ᠪᠤᠯᠭ᠋ᠠᠨ᠎ᠠ᠃ ᠤᠳᠤ ᠮᠠᠰᠢ ᠤᠯᠠᠨ ᠬᠡᠷᠡᠭᠯᠡᠭᠴᠢᠳ ᠠᠮᠢᠳᠡᠠᠤ ᠪᠦᠲᠦᠭᠡᠭᠲᠡᠬᠦᠨᠤ ᠬᠢᠵᠢᠭ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠦᠨᠡᠮᠯᠡᠯ ᠳᠠᠭ᠋ᠠᠯᠳᠤᠭᠤᠯᠤᠭᠰᠠᠨ ᠪᠠᠢ᠌ᠪᠠᠯ ᠬᠢᠷᠢ ᠲᠡᠩᠴᠡᠭᠰᠡᠨ ᠪᠦᠲᠦᠭᠡᠭᠲᠡᠬᠦᠨ ᠭᠡᠵᠦ ᠦᠵᠡᠳᠡᠭ ᠪᠠᠶ᠋ᠢᠨ᠎ᠠ᠂ ᠦᠨᠡᠨ᠎ᠳᠡᠭᠡᠨ ᠡᠨᠡ ᠪᠣᠯ ᠲᠠᠭ᠋ᠠᠷᠠᠬᠤ ᠦᠭᠡᠢ᠂ ᠦᠨᠡᠨ᠎ᠳᠡᠭᠡᠨ ᠬᠡᠷᠡᠭᠯᠡᠭᠴᠢᠳ ᠡᠩ ᠲᠡᠷᠢᠭᠦᠨ᠎ᠳᠤ ᠶᠠᠰᠤ ᠴᠢᠨᠠᠷ᠎ᠤᠨ ᠰᠢᠯᠭ᠋ᠠᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠦᠨᠡᠮᠯᠡᠯ ᠪᠠᠶ᠋ᠢᠬᠤ ᠡᠰᠡᠬᠦ ᠵᠢ ᠪᠠᠶ᠋ᠢᠴᠠᠭ᠋ᠠᠨ ᠦᠵᠡᠵᠦ᠂ ᠳᠠᠷᠠᠭ᠎ᠠ᠎ᠨᠢ ᠰᠠᠶᠢ ᠠᠮᠢᠳᠡᠠᠤ ᠬᠢᠵᠢᠭ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠦᠨᠡᠮᠯᠡᠯ ᠪᠠᠢ᠌ᠬ᠎ᠠ ᠡᠰᠡᠭᠦ ᠵᠢ᠎ᠨᠢ ᠦᠵᠡᠨ᠎ᠡ᠃ ᠤᠴᠢᠷ᠎ᠨᠢ᠂ ᠠᠮᠢᠳᠡᠠᠤ ᠬᠢᠵᠢᠭ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠦᠨᠡᠮᠯᠡᠯ᠎ᠨᠢ ᠵᠦᠪᠬᠡᠨ ᠠᠮᠢᠲᠠᠨ᠎ᠤ ᠪᠦᠲᠦᠭᠡᠭᠲᠡᠬᠦᠨ᠎ᠳᠤ ᠬᠠᠯᠳᠠᠪᠤᠷᠢᠲᠤ ᠡᠪᠡᠳᠴᠢᠨ ᠪᠠ ᠰᠢᠮᠡᠭᠦᠷ ᠬᠣᠷᠣᠬᠠᠶ ᠵᠢᠨ ᠡᠪᠡᠳᠴᠢᠨ ᠦᠭᠡᠢ ᠭᠡᠰᠡᠨ᠎ᠢ ᠯᠡ ᠲᠦᠯᠦᠭᠡᠯᠡᠨ᠎ᠡ᠂ ᠶᠠᠰᠤ ᠴᠢᠨᠠᠷ᠎ᠤᠨ ᠰᠢᠯᠭ᠋ᠠᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠦᠨᠡᠮᠯᠡᠯ᠎ᠨᠢ ᠰᠠᠶᠢ ᠶᠠᠰᠤ ᠴᠢᠨᠠᠷ᠎ᠤᠨ ᠬᠢᠷᠢ ᠲᠡᠩᠴᠡᠭᠰᠡᠨ ᠡᠰᠡᠭᠦ ᠵᠢ ᠲᠦᠯᠦᠭᠡᠯᠡᠨ᠎ᠡ᠃ ᠵᠢᠱ᠌ᠢᠶᠡᠯᠡᠪᠡᠯ᠂ ᠪᠢᠳᠡ ᠴᠥᠮ ᠨᠡᠯᠢᠶᠡᠳ ᠠᠩᠬᠠᠷᠴᠤ ᠪᠠᠶ᠋ᠢᠭ᠎ᠠ ᠪᠠᠺᠠᠲᠸᠷᠢᠨᠢ ᠪᠠᠷᠢᠮᠵᠢᠶ᠎ᠠ᠎ᠠᠴᠠ ᠬᠡᠲᠦᠷᠡᠭᠰᠡᠨ᠂ ᠤᠰᠤᠨ᠎ᠤ ᠠᠭᠤᠯᠤᠭᠳᠠᠴᠠ᠂ ᠬᠠᠷ᠎ᠠ ᠮᠢᠬᠠᠯᠠᠭᠤᠯᠬᠤ ᠡᠳ᠋᠂ ᠮᠠᠯ᠎ᠤᠨ ᠡᠮ᠎ᠤᠨ ᠦᠯᠡᠳᠡᠭᠳᠡᠯ᠂ ᠪᠤᠰᠤᠳ ᠬᠣᠣᠷ ᠬᠥᠨᠥᠭᠡᠯ᠎ᠲᠠᠢ ᠪᠣᠳᠠᠰ᠎ᠢ ᠬᠠᠤᠯᠢ ᠪᠤᠰᠤ᠎ᠪᠠᠷ ᠨᠡᠮᠡᠬᠦ᠎ᠨᠢ ᠴᠥᠮ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠬᠡᠪᠴᠢᠶ᠎ᠡ᠎ᠳᠤ ᠤᠷᠤᠨ᠎ᠠ᠃

ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠠᠤᠯᠢ ᠳᠦᠷᠢᠮ᠎ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠢ ᠬᠠᠮᠠᠭ᠋ᠠᠯᠠᠬᠤ ᠦᠨᠳᠦᠰᠦᠨ ᠳᠦᠷᠢᠮ》᠎ᠤᠨ ᠬᠠᠤᠯᠢ ᠲᠣᠭᠲᠠᠭ᠋ᠠᠯᠲᠠ ᠵᠢᠨ ᠳᠠᠷᠠᠭ᠋ᠠᠬᠢ ᠦᠨᠡᠯᠡᠨ ᠵᠢᠱ᠌ᠢᠯᠲᠡ ᠵᠢᠨ ᠡᠬᠢᠯᠡᠯᠲᠡ ᠵᠢᠨ ᠶᠣᠰᠣᠯᠠᠯ ᠬᠢᠪᠡ
ᠳᠡᠳ᠋ ᠡᠷᠬᠢᠯᠡᠭᠴᠢ ᠵᠢᠶᠠ ᠯᠢ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠬᠠᠤᠯᠢ ᠲᠣᠭᠲᠠᠭ᠋ᠠᠬᠤ ᠵᠦᠪᠳᠡᠯᠴᠡᠨ ᠶᠠᠷᠢᠯᠴᠠᠬᠤ ᠬᠤᠷᠠᠯ ᠳᠡᠭᠡᠷ᠎ᠡ ᠪᠠᠢ᠌ᠭ᠎ᠠ᠎ᠨᠢ