ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
《ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠬᠥᠭᠵᠢᠭᠦᠯᠬᠦ ᠲᠥᠯᠥᠪᠵᠢᠭᠦᠯᠭᠡ ᠵᠢᠨ ᠬᠥᠲᠥᠯᠪᠦᠷᠢ (2016 — 2020 ᠣᠨ)》 ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2016-06-16

      ᠰᠤᠷᠪᠤᠯᠵᠢᠯᠠᠭᠰᠠᠨ ᠴᠠᠭ᠄
     2016 ᠣᠨ᠎ᠤ 6 ᠳ᠋ᠤᠭ᠋ᠠᠷ ᠰᠠᠷ᠎ᠠ ᠵᠢᠨ 8᠎ᠤ ᠡᠳᠦᠷ᠎ᠤᠨ ᠦᠳᠡ ᠵᠢᠨ ᠡᠮᠦᠨᠡᠬᠢ 10 ᠴᠠᠭ᠎ᠲᠤ
      ᠰᠤᠷᠪᠤᠯᠵᠢᠯᠠᠭᠰᠠᠨ ᠵᠣᠴᠢᠨ᠄
      ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠬᠢᠯᠡᠭᠴᠢ ᠸᠧᠨ ᠮᠢᠨ
      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
      ᠬᠥᠬᠡᠬᠣᠲᠠ᠂ ᠪᠤᠭᠤᠲᠤ ᠪᠣᠯᠣᠨ ᠣᠷᠳᠣᠰ ᠭᠤᠷᠪᠠᠨ ᠬᠣᠲᠠ ᠪᠣᠯ ᠥᠪᠥᠷ ᠮᠣᠩᠭᠣᠯ᠎ᠤᠨ ᠳᠤᠮᠳᠠ ᠪᠠᠷᠠᠭᠤᠨ ᠪᠡᠶ᠎ᠡ᠂ ᠪᠦᠬᠦ ᠤᠯᠤᠰ᠎ᠤᠨ 《ᠬᠣᠶᠠᠷ ᠬᠦᠠᠲᠠᠯᠠᠨ ᠭᠤᠷᠪᠠᠨ ᠭᠤᠯᠳᠤ》 ᠬᠤᠳᠠ ᠪᠠᠯᠭ᠋ᠠᠰᠤᠴᠢᠯᠠᠬᠤ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠰᠢᠯ᠎ᠤᠨ ᠪᠤᠭᠤᠲᠤ᠎ᠠᠴᠠ ᠺᠦᠨᠮᠢᠩ ᠬᠦᠷᠬᠦ ᠬᠥᠨᠳᠡᠯᠡᠨ ᠭᠤᠯᠳᠤ ᠲᠡᠩᠭᠡᠯᠢᠭ᠎ᠤᠨ ᠤᠮᠠᠷᠠᠲᠤ ᠬᠡᠰᠡᠭ᠎ᠲᠤ ᠪᠠᠢ᠌ᠷᠢᠯᠠᠵᠤ᠂ ᠤᠯᠤᠰ᠎ᠤᠨ ᠬᠦᠬᠡᠬᠤᠲᠠ ᠪᠤᠭᠤᠲᠤ ᠶᠢᠨᠴᠤᠸᠠᠨ ᠢᠦᠢ᠌ᠯᠢᠨ᠎ᠤ ᠠᠵᠤ ᠠᠬᠤᠶ ᠵᠢᠨ ᠪᠦᠰᠡ ᠵᠢᠨ ᠴᠢᠬᠤᠯᠠ ᠪᠦᠷᠢᠯᠳᠦᠬᠦᠨ ᠬᠡᠰᠡᠭ ᠮᠥᠨ᠂ ᠤᠯᠤᠰ᠎ᠤᠨ ᠡᠨᠧᠷᠭᠢ ᠵᠢᠨ ᠰᠤᠷᠪᠤᠯᠵᠢ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ ᠡᠯᠪᠡᠭ ᠬᠤᠷᠠᠭᠰᠠᠨ ᠣᠷᠣᠨ ᠪᠠ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠵᠢᠨ ᠬᠥᠭᠵᠢᠯᠲᠡ ᠵᠢᠨ ᠭᠣᠣᠯ ᠣᠷᠣᠨ ᠮᠥᠨ᠃ ᠣᠢ᠌ᠷ᠎ᠠ᠎ᠳᠤ ᠪᠢᠳᠡ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠬᠢᠯᠡᠭᠴᠢ ᠸᠧᠨ ᠮᠢᠨ᠎ᠢ ᠤᠷᠢᠵᠤ᠂ ᠮᠠᠨ᠎ᠤ ᠣᠷᠣᠨ᠎ᠤ 《ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠬᠥᠭᠵᠢᠭᠦᠯᠬᠦ ᠲᠥᠯᠥᠪᠵᠢᠭᠦᠯᠭᠡ ᠵᠢᠨ   ᠬᠥᠲᠥᠯᠪᠦᠷᠢ (2016 —2020 ᠣᠨ)  》 ᠵᠢ ᠲᠨ ᠪᠦᠬᠦᠨ᠎ᠳᠤ ᠨᠠᠷᠢᠨ ᠲᠣᠳᠣᠷᠬᠠᠶ ᠲᠠᠶ᠋ᠢᠯᠪᠤᠷᠢᠯᠠᠯᠲᠠ ᠬᠢᠯᠭᠡᠬᠦ᠎ᠪᠠᠷ ᠪᠣᠯᠪᠠ᠃

      ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ

      ᠬᠥᠲᠥᠯᠥᠭᠴᠢ᠄
      ᠰᠦᠯᠵᠢᠶᠡᠨ ᠠᠨᠳᠠ ᠨᠠᠷ ᠰᠠᠢ᠍ᠢ᠍ᠨ ᠪᠠᠶ᠋ᠢᠨ᠎ᠠ ᠦᠦ! ᠲᠠ ᠪᠦᠬᠦᠨ᠎ᠤ ᠲᠣᠰ ᠬᠤᠭᠤᠴᠠᠭ᠎ᠠ ᠵᠢᠨ 《ᠳᠤᠮᠳᠠᠳᠤ ᠤᠯᠤᠰ᠂ ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠠᠷᠢᠯᠴᠠᠯᠭ᠎ᠠ ᠵᠢᠨ ᠪᠤᠯᠤᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ᠎ᠤᠨ ᠮᠠᠨ᠎ᠤ ᠤᠷᠢᠭᠰᠠᠨ ᠵᠣᠴᠢᠨ ᠪᠣᠯ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠬᠢᠯᠡᠭᠴᠢ ᠸᠧᠨ ᠮᠢᠨ ᠪᠣᠯᠣᠨ᠎ᠠ᠃ ᠸᠧᠨ ᠡᠷᠬᠢᠯᠡᠭᠴᠢ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
      ᠸᠧᠨ ᠮᠢᠨ᠄
      ᠬᠥᠲᠥᠯᠥᠭᠴᠢ ᠰᠠᠶ᠋ᠢᠨ ᠪᠠᠢ᠌ᠨ᠎ᠠ ᠦᠦ᠂ ᠰᠦᠯᠵᠢᠶᠡᠨ ᠠᠨᠳᠠ ᠨᠠᠷ ᠲᠠ ᠪᠦᠭᠦᠨ ᠰᠠᠢ᠍ᠢ᠍ᠨ ᠪᠠᠶ᠋ᠢᠨ᠎ᠠ ᠦᠦ᠃
      ᠬᠥᠲᠥᠯᠥᠭᠴᠢ᠄
      ᠸᠸᠨ ᠡᠷᠬᠢᠯᠡᠭᠴᠢ ᠡ᠂ ᠥᠪᠡᠷᠲᠡᠭᠡᠨ ᠵᠠᠰᠠᠬᠤ ᠣᠷᠣᠨ ᠶᠠᠭᠤᠨ᠎ᠳᠤ 《ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠬᠥᠭᠵᠢᠭᠦᠯᠬᠦ ᠲᠥᠯᠥᠪᠵᠢᠭᠦᠯᠭᠡ ᠵᠢᠨ ᠬᠥᠲᠥᠯᠪᠦᠷᠢ (2016 —2020 ᠣᠨ)》 ᠵᠢ ᠲᠣᠭᠲᠠᠭ᠋ᠠᠵᠤ ᠳᠠᠷᠤᠮᠠᠯᠯᠠᠨ   ᠲᠠᠷᠬᠠᠭ᠋ᠠᠭᠰᠠᠨ ᠪᠤᠢ?
      ᠸᠸᠨ ᠮᠢᠨ᠄
      ᠬᠥᠬᠡᠬᠣᠲᠠ᠂ ᠪᠤᠭᠤᠲᠤ ᠪᠣᠯᠣᠨ ᠣᠷᠳᠣᠰ ᠭᠤᠷᠪᠠᠨ ᠬᠣᠲᠠ ᠪᠣᠯ ᠥᠪᠥᠷ ᠮᠣᠩᠭᠣᠯ᠎ᠤᠨ ᠳᠤᠮᠳᠠ ᠪᠠᠷᠠᠭᠤᠨ ᠪᠡᠶ᠎ᠡ᠂ ᠪᠦᠬᠦ ᠤᠯᠤᠰ᠎ᠤᠨ 《ᠬᠣᠶᠠᠷ ᠬᠦᠠᠲᠠᠯᠠᠨ ᠭᠤᠷᠪᠠᠨ ᠭᠤᠯᠳᠤ》 ᠬᠤᠳᠠ ᠪᠠᠯᠭ᠋ᠠᠰᠤᠴᠢᠯᠠᠬᠤ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠰᠢᠯ᠎ᠤᠨ ᠪᠤᠭᠤᠲᠤ᠎ᠠᠴᠠ ᠺᠦᠨᠮᠢᠩ ᠬᠦᠷᠬᠦ ᠬᠥᠨᠳᠡᠯᠡᠨ ᠭᠤᠯᠳᠤ ᠲᠡᠩᠭᠡᠯᠢᠭ᠎ᠤᠨ ᠤᠮᠠᠷᠠᠲᠤ ᠬᠡᠰᠡᠭ᠎ᠲᠤ ᠪᠠᠢ᠌ᠷᠢᠯᠠᠵᠤ᠂ ᠤᠯᠤᠰ᠎ᠤᠨ ᠬᠦᠬᠡᠬᠤᠲᠠ ᠪᠤᠭᠤᠲᠤ ᠶᠢᠨᠴᠤᠸᠠᠨ ᠢᠦᠢ᠌ᠯᠢᠨ᠎ᠤ ᠠᠵᠤ ᠠᠬᠤᠶ ᠵᠢᠨ ᠪᠦᠰᠡ ᠵᠢᠨ ᠴᠢᠬᠤᠯᠠ ᠪᠦᠷᠢᠯᠳᠦᠬᠦᠨ ᠬᠡᠰᠡᠭ ᠮᠥᠨ᠂ ᠤᠯᠤᠰ᠎ᠤᠨ ᠡᠨᠧᠷᠭᠢ ᠵᠢᠨ ᠰᠤᠷᠪᠤᠯᠵᠢ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ ᠡᠯᠪᠡᠭ ᠬᠤᠷᠠᠭᠰᠠᠨ ᠣᠷᠣᠨ ᠪᠠ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠵᠢᠨ ᠬᠥᠭᠵᠢᠯᠲᠡ ᠵᠢᠨ ᠭᠣᠣᠯ ᠣᠷᠣᠨ ᠮᠥᠨ᠃ ᠰᠢᠨ᠎ᠡ ᠵᠠᠭᠤᠨ᠎ᠳᠤ ᠤᠷᠤᠭᠰᠠᠨ᠎ᠠᠴᠠ ᠨᠠᠰᠢ᠂ ᠬᠥᠬᠡᠬᠣᠲᠠ ᠪᠤᠭᠤᠲᠤ ᠤᠷᠳᠤᠰ᠎ᠤᠨ ᠠᠵᠤ ᠠᠬᠤᠶ ᠨᠡᠶ᠋ᠢᠭᠡᠮ ᠦᠳᠲᠡᠷ ᠲᠦᠷᠭᠡᠨ ᠬᠥᠭᠵᠢᠵᠦ᠂ ᠶᠡᠷᠦᠩᠬᠡᠶ᠋ᠢᠯᠡᠭᠰᠡᠨ ᠪᠣᠳᠠᠲᠤ ᠬᠦᠴᠦᠨ᠎ᠨᠢ ᠢᠯᠡᠳᠲᠡ ᠴᠢᠩᠭ᠋ᠠᠷᠠᠵᠤ᠂ ᠥᠪᠥᠷ ᠮᠣᠩᠭᠣᠯ᠎ᠤᠨ ᠠᠵᠤ ᠠᠬᠤᠶ ᠪᠦᠬᠦ ᠤᠯᠤᠰ᠎ᠲᠤ ᠬᠣᠴᠣᠷᠤᠩᠭᠤᠢ ᠪᠠᠢ᠌ᠭᠰᠠᠨ᠎ᠠᠴᠠ᠎ᠪᠠᠨ ᠳᠤᠮᠳᠠᠭᠤᠷ᠎ᠲᠤ ᠣᠷᠣᠬᠤ᠎ᠳᠤ ᠴᠢᠬᠤᠯᠠ ᠶᠡᠬᠡ ᠬᠤᠪᠢ ᠨᠡᠮᠡᠷᠢ ᠦᠵᠡᠭᠦᠯᠪᠡ᠃ ᠭᠡᠪᠡᠴᠦ ᠠᠵᠤ ᠠᠬᠤᠶ ᠰᠢᠨ᠎ᠡ ᠬᠡᠪ ᠪᠠᠶ᠋ᠢᠳᠠᠯ᠎ᠳᠤ ᠣᠷᠣᠬᠤ ᠵᠢ ᠳᠠᠭ᠋ᠠᠯᠳᠤᠨ᠂ ᠣᠷᠣᠨ ᠪᠦᠰᠡ ᠵᠢᠨ ᠬᠥᠭᠵᠢᠯᠲᠡ᠎ᠳᠤ ᠡᠳᠦᠶ ᠲᠡᠳᠦᠶ ᠰᠢᠨ᠎ᠡ ᠠᠰᠠᠭᠤᠳᠠᠯ ᠪᠠ ᠥᠷᠢᠰᠥᠯᠳᠦᠭᠡᠨ ᠲᠤᠯᠭ᠋ᠠᠷᠠᠪᠠ᠄ ᠬᠥᠭᠵᠢᠯᠲᠡ ᠵᠢᠨ ᠪᠠᠶ᠋ᠢᠷᠢᠰᠢᠯ᠂ ᠣᠷᠣᠨ ᠵᠠᠶ ᠵᠢᠨ ᠪᠠᠶ᠋ᠢᠷᠢᠰᠢᠭᠤᠯᠤᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠢ ᠪᠠᠢ᠌ᠨ᠎ᠠ; ᠵᠠᠮ ᠬᠠᠷᠢᠯᠴᠠᠭ᠎ᠠ᠂ ᠮᠡᠳᠡᠭᠡ ᠬᠣᠯᠪᠣᠭ᠎ᠠ ᠵᠡᠷᠭᠡ ᠰᠠᠭᠤᠷᠢ ᠪᠡᠯᠡᠳᠬᠡᠮᠵᠢ ᠵᠢ ᠪᠠᠰᠠ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ ᠪᠠᠢ᠌ᠨ᠎ᠠ; ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠵᠥᠷᠢᠶ᠎ᠡ ᠵᠢ ᠪᠠᠰᠠ ᠤᠯᠠᠮ ᠨᠢᠭᠡ ᠠᠯᠬᠤᠮ ᠪᠠᠭ᠋ᠠᠰᠬᠠᠬᠤ ᠴᠢᠬᠤᠯᠠᠲᠠᠢ; ᠰᠢᠨ᠎ᠡ ᠵᠢ ᠡᠭᠦᠳᠬᠦ ᠴᠢᠳᠠᠪᠤᠷᠢ   ᠡᠷᠴᠢᠮ᠎ᠲᠠᠢ ᠪᠢᠰᠢ᠂ ᠠᠵᠤ ᠦᠢ᠍ᠯᠡᠰ᠎ᠤᠨ ᠬᠠᠮᠵᠢᠯᠴᠠᠭ᠎ᠠ ᠢᠵᠢ ᠪᠦᠷᠢᠳᠦᠭᠡᠳᠦᠢ᠂ ᠪᠦᠬᠦᠯᠢ ᠴᠣᠭᠴᠠ ᠵᠢᠨ ᠥᠷᠢᠰᠥᠯᠳᠦᠬᠦ ᠬᠦᠴᠦᠨ ᠴᠢᠩᠭ᠎ᠠ ᠪᠢᠰᠢ ᠪᠠᠢ᠌ᠵᠤ᠂ ᠬᠠᠮᠵᠢᠯᠴᠠᠨ ᠬᠥᠭᠵᠢᠭᠦᠯᠬᠦ᠎ᠪᠠᠷ ᠳᠠᠮᠵᠢᠭᠤᠯᠤᠨ ᠡᠳᠡᠭᠡᠷ ᠠᠰᠠᠭᠤᠳᠠᠯ᠎ᠢ ᠰᠢᠢ᠍ᠳᠪᠦᠷᠢᠯᠡᠬᠦ   ᠶᠠᠪᠤᠳᠠᠯ ᠲᠤᠯᠭ᠋ᠠᠮ᠎ᠠ ᠱᠠᠭ᠋ᠠᠷᠳᠠᠭᠳᠠᠵᠤ ᠪᠠᠶ᠋ᠢᠨ᠎ᠠ᠃
      ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠬᠥᠭᠵᠢᠭᠦᠯᠬᠦ ᠵᠢ ᠠᠬᠢᠭᠤᠯᠬᠤ᠎ᠨᠢ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢ ᠨᠡᠭᠡᠭᠡᠨ ᠬᠥᠭᠵᠢᠭᠦᠯᠬᠦ ᠪᠠᠶ᠋ᠢᠷᠢᠰᠢᠯ᠎ᠢ ᠰᠢᠯᠢᠳᠡᠭᠵᠢᠭᠦᠯᠵᠦ᠂ ᠬᠥᠮᠦᠨ ᠠᠮᠠ᠂ ᠠᠵᠤ ᠠᠬᠤᠶ᠂ ᠡᠬᠢ ᠪᠠᠶᠠᠯᠢᠭ ᠪᠣᠯᠣᠨ ᠣᠷᠴᠢᠨ ᠠᠬᠤᠶ ᠵᠢᠨ ᠵᠣᠬᠢᠴᠠᠯ᠎ᠢ ᠠᠬᠢᠭᠤᠯᠬᠤ᠎ᠳᠤ ᠠᠰᠢᠭᠲᠠᠶ ᠶᠤᠮ; ᠬᠣᠲᠠ ᠵᠢᠨ ᠰᠦᠷᠦᠭᠵᠢᠯ᠎ᠤᠨ ᠪᠠᠶ᠋ᠢᠷᠢᠰᠢᠯ ᠪᠣᠯᠤᠨ ᠲᠥᠯᠥᠪ ᠪᠠᠢ᠌ᠳᠠᠯ᠎ᠢ ᠪᠦᠷᠢᠨᠰᠢᠭᠦᠯᠵᠦ᠂ ᠬᠤᠳᠠ ᠬᠥᠳᠡᠭᠡ ᠵᠢᠨ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠵᠢ ᠠᠬᠢᠭᠤᠯᠬᠤ᠎ᠳᠤ ᠠᠰᠢᠭᠲᠠᠶ ᠶᠤᠮ; ᠡᠬᠢ ᠪᠠᠶᠠᠯᠢᠭ᠎ᠤᠨ ᠲᠤᠬᠢᠷᠠᠭᠤᠯᠤᠯᠳᠠ ᠵᠢ ᠰᠢᠯᠢᠳᠡᠭᠵᠢᠭᠦᠯᠵᠦ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠠᠬᠢᠭᠤᠯᠬᠤ᠎ᠳᠤ ᠠᠰᠢᠭᠲᠠᠶ ᠶᠤᠮ; ᠠᠵᠤ ᠦᠢ᠍ᠯᠡᠰ᠎ᠤᠨ ᠬᠤᠪᠢᠶᠠᠷᠢᠯᠠᠯ᠎ᠢ ᠵᠦᠢ ᠵᠣᠬᠢᠰᠲᠠᠶ ᠲᠣᠬᠢᠷᠠᠭᠤᠯᠵᠤ᠂ ᠣᠷᠣᠨ ᠪᠦᠰᠡ ᠵᠢᠨ ᠪᠦᠬᠦᠯᠢ ᠴᠣᠭᠴᠠ ᠵᠢᠨ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠬᠦ᠎ᠳᠤ ᠠᠰᠢᠭᠲᠠᠢ ᠶᠤᠮ; ᠣᠷᠣᠨ ᠪᠦᠰᠡ ᠵᠢᠨ ᠰᠠᠭᠤᠷᠢ ᠪᠡᠯᠡᠳᠬᠡᠮᠵᠢ ᠪᠣᠯᠣᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠦ᠂ ᠤᠯᠠᠨ ᠨᠡᠶ᠋ᠢᠲᠡ ᠵᠢᠨ ᠡᠬᠢ ᠪᠠᠶᠠᠯᠢᠭ᠎ᠢ ᠠᠰᠢᠭᠯᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠳᠤ ᠠᠰᠢᠭᠲᠠᠢ ᠶᠤᠮ; ᠤᠯᠤᠰ᠎ᠤᠨ 《ᠨᠢᠭᠡ ᠪᠦᠰᠡ ᠨᠢᠭᠡ ᠵᠠᠮ》᠎ᠤᠨ ᠪᠠᠶ᠋ᠢᠯᠳᠤᠬᠤ ᠪᠤᠳᠤᠯᠭ᠎ᠠ᠎ᠳᠤ ᠨᠡᠩ ᠰᠠᠶ᠋ᠢᠨ ᠠᠭᠤᠰᠤᠯᠴᠠᠭᠤᠯᠵᠤ᠂ ᠳᠣᠲᠣᠭ᠋ᠠᠳᠤ ᠭᠠᠳᠠᠭ᠋ᠠᠳᠤ᠎ᠳᠤ ᠨᠡᠭᠡᠭᠡᠯᠲᠡ ᠬᠢᠬᠦ ᠵᠢ ᠥᠷᠭᠡᠳᠬᠡᠨ ᠭᠦᠨᠵᠡᠭᠡᠢ᠌ᠷᠡᠭᠦᠯᠬᠦ᠎ᠳᠤ ᠠᠰᠢᠭᠲᠠᠢ ᠶᠤᠮ; ᠣᠷᠣᠨ ᠪᠦᠰᠡ ᠵᠢᠨ ᠬᠠᠮᠵᠢᠯᠴᠠᠭ᠋ᠠᠨ᠎ᠤ ᠪᠠᠶ᠋ᠢᠭᠤᠯᠤᠯ᠎ᠤᠨ ᠲᠣᠭᠲᠠᠴᠠ ᠵᠢ ᠰᠢᠨᠡᠴᠢᠯᠡᠵᠦ᠂ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ᠎ᠪᠠᠷ ᠬᠠᠮᠵᠢᠯᠴᠠᠨ ᠬᠥᠭᠵᠢᠭᠦᠯᠬᠦ ᠰᠢᠨ᠎ᠡ ᠠᠷᠭ᠎ᠠ ᠵᠠᠮ᠂ ᠰᠢᠨ᠎ᠡ ᠵᠠᠭᠪᠤᠷ᠎ᠢ ᠬᠠᠶ᠋ᠢᠨ ᠰᠦᠪᠡᠭᠴᠢᠯᠡᠵᠦ᠂ ᠪᠦᠬᠦ ᠣᠷᠣᠨ᠎ᠤ ᠬᠥᠭᠵᠢᠯᠲᠡ ᠵᠢ ᠳᠠᠶ᠋ᠢᠴᠢᠯᠠᠬᠤ᠎ᠳᠤ ᠠᠰᠢᠭᠲᠠᠢ ᠶᠤᠮ᠃
      ᠬᠦᠲᠦᠯᠦᠭᠴᠢ᠄
     《13·5》 ᠵᠢᠨ ᠲᠦᠯᠦᠪᠵᠢᠬᠦᠯᠭᠡ ᠵᠢᠨ ᠬᠤᠭᠤᠴᠠᠭ᠋ᠠᠨ᠎ᠳᠤ᠂ ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠬᠦᠭᠵᠢᠬᠦᠯᠬᠦ᠎ᠳᠤ ᠶᠠᠮᠠᠷ ᠶᠠᠮᠠᠷ ᠠᠵᠠ ᠲᠣᠬᠢᠶᠠᠯ ᠪᠠᠢ᠌ᠬᠤ ᠪᠤᠢ?
      ᠸᠸᠨ ᠮᠢᠨ᠄
      ᠬᠥᠬᠡᠬᠣᠲᠠ ᠪᠤᠭᠤᠲᠤ ᠣᠷᠳᠣᠰ᠎ᠤᠨ ᠭᠠᠵᠠᠷ ᠣᠷᠣᠨ ᠲᠤᠰ ᠪᠡᠶ᠎ᠡ ᠵᠢᠨ ᠵᠶ᠋ᠠᠨ ᠳᠠᠪᠠᠭᠤᠯᠢᠭ᠎ᠲᠤ ᠰᠠᠭᠤᠷᠢᠯᠠᠵᠤ᠂ ᠬᠥᠭᠵᠢᠯᠲᠡ ᠵᠢᠨ ᠤᠷᠤᠰᠬᠠᠯ᠎ᠢ ᠲᠠᠭ᠋ᠠᠵᠤ᠂ ᠣᠷᠣᠨ ᠪᠦᠰᠡ᠎ᠪᠠᠷ ᠬᠠᠮᠵᠢᠯᠴᠠᠨ ᠬᠦᠭᠵᠢᠬᠦᠯᠬᠦ ᠵᠢ ᠲᠦᠷᠭᠡᠳᠭᠡᠬᠦ ᠠᠵᠠ ᠲᠣᠬᠢᠶᠠᠯ ᠪᠣᠯ ᠣᠯᠳᠠᠬᠤᠶ᠎ᠠ ᠪᠡᠷᠬᠡ ᠶᠤᠮ᠃ ᠨᠢᠭᠡ᠎ᠳᠤ ᠤᠯᠤᠰ᠎ᠠᠴᠠ ᠣᠷᠣᠨ ᠪᠦᠰᠡ ᠵᠢᠨ ᠬᠠᠮᠵᠢᠯᠴᠠᠨ ᠬᠦᠭᠵᠢᠬᠦᠯᠬᠦ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠤ᠂ 《ᠨᠢᠭᠡ ᠪᠦᠰᠡ ᠨᠢᠭᠡ ᠵᠠᠮ》᠂ ᠪᠡᠭᠡᠵᠢᠩ ᠲᠢᠶᠠᠨᠵᠢᠨ ᠡᠾᠸᠪᠸᠢ ᠵᠢᠨ ᠬᠠᠮᠵᠢᠯᠴᠠᠨ ᠬᠦᠭᠵᠢᠬᠦᠯᠬᠦ᠂ ᠬᠥᠬᠡᠮᠥ᠋ᠷᠡᠨ᠎ᠤ ᠠᠵᠤ ᠠᠬᠤᠶ ᠵᠢᠨ ᠪᠦᠰᠡ ᠵᠡᠷᠭᠡ ᠣᠷᠣᠨ ᠪᠦᠰᠡ ᠵᠢᠨ ᠬᠦᠭᠵᠢᠯᠲᠡ ᠵᠢᠨ ᠪᠠᠶ᠋ᠢᠯᠳᠤᠬᠤ ᠪᠤᠲᠤᠯᠭ᠎ᠠ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠬᠥᠬᠡᠬᠣᠲᠠ ᠪᠤᠭᠤᠲᠤ ᠤᠷᠳᠤᠰ᠎ᠤᠨ ᠣᠷᠣᠨ ᠪᠦᠰᠡ ᠵᠢᠨ   ᠬᠠᠮᠵᠢᠯᠴᠠᠨ ᠬᠦᠭᠵᠢᠬᠦᠯᠬᠦ᠎ᠳᠤ ᠴᠢᠭᠯᠡᠯ᠎ᠢ ᠲᠣᠳᠣᠷᠬᠠᠶ ᠵᠢᠭ᠋ᠠᠵᠤ ᠥᠭᠭᠦᠭᠰᠡᠨ ᠪᠠᠶ᠋ᠢᠨ᠎ᠠ᠃ ᠴᠠᠩᠱ᠌ᠠ ᠵᠥᠵᠸᠣ ᠰᠢᠶᠠᠨᠭ᠌ᠲ᠋ᠠᠨ᠎ᠤ ᠬᠣᠶᠠᠷ ᠬᠡᠯᠪᠡᠷᠢ ᠵᠢᠨ ᠨᠡᠶ᠋ᠢᠭᠡᠮ᠎ᠤᠨ ᠪᠦᠲᠦᠭᠡᠨ ᠪᠠᠶ᠋ᠢᠭᠤᠯᠤᠯᠲᠠ᠂ ᠦᠷᠦᠮᠴᠢ ᠴᠠᠩ ᠵᠢᠢ ᠱ᠌ᠢ ᠡᠾᠸ ᠽᠢ ᠬᠤᠲᠠ ᠵᠢᠨ ᠨᠢᠭᠡ ᠴᠤᠭᠴᠠᠵᠢᠭᠤᠯᠤᠯᠲᠠ ᠵᠡᠷᠭᠡ ᠵᠢᠨ ᠦᠢ᠍ᠯᠡᠳᠦᠯᠭᠡ᠎ᠨᠢ ᠬᠥᠬᠡᠬᠣᠲᠠ ᠪᠤᠭᠤᠲᠤ ᠤᠷᠳᠤᠰ᠎ᠤᠨ ᠣᠷᠣᠨ ᠪᠦᠰᠡ ᠵᠢᠨ   ᠬᠠᠮᠵᠢᠯᠴᠠᠨ ᠬᠥᠭᠵᠢᠭᠦᠯᠬᠦ᠎ᠳᠤ ᠠᠰᠢᠭᠲᠠᠶ ᠯᠠᠪᠯᠠᠯᠲᠠ ᠤᠯᠭᠤᠪᠠ᠃ ᠬᠣᠶᠠᠷ᠎ᠲᠤ᠂ ᠬᠥᠬᠡᠬᠣᠲᠠ ᠪᠤᠭᠤᠲᠤ ᠤᠷᠳᠤᠰ ᠪᠣᠯ ᠤᠯᠤᠰ᠎ᠤᠨ ᠲᠡᠰ᠎ᠤᠨ ᠭᠣᠣᠯᠳᠠᠯᠭ᠎ᠠ᠎ᠲᠠᠢ ᠪᠤᠢ᠌ᠵᠢᠭᠤᠯᠬᠤ ᠬᠤᠳᠠ ᠵᠢᠨ ᠰᠦᠷᠦᠭᠯᠡᠯ᠂ ᠰᠢᠨ᠎ᠡ ᠨᠢᠬᠡᠨ ᠡᠭᠡᠯᠵᠢ ᠵᠢᠨ ᠪᠠᠷᠠᠭᠤᠨ ᠬᠡᠰᠡᠭ ᠭᠠᠵᠠᠷ ᠣᠷᠣᠨ᠎ᠢ ᠶᠡᠬᠡᠪᠡᠷ ᠨᠡᠭᠡᠭᠡᠨ ᠬᠥᠭᠵᠢᠭᠦᠯᠬᠦ ᠪᠠᠶ᠋ᠢᠯᠳᠤᠬᠤ ᠪᠤᠳᠤᠯᠭ᠎ᠠ᠎ᠳᠤ ᠲᠣᠭᠲᠠᠭ᠋ᠠᠭᠰᠠᠨ ᠭᠣᠣᠯᠳᠠᠯᠭ᠎ᠠ᠎ᠲᠠᠢ ᠠᠵᠤ ᠠᠬᠤᠶ ᠵᠢᠨ ᠣᠷᠣᠨ᠂ ᠤᠯᠤᠰ᠎ᠤᠨ ᠲᠡᠰ᠎ᠤᠨ ᠭᠣᠣᠯᠳᠠᠯᠭ᠎ᠠ᠎ᠲᠠᠢ ᠨᠡᠭᠡᠭᠡᠨ ᠬᠥᠭᠵᠢᠭᠦᠯᠬᠦ ᠣᠷᠣᠨ ᠪᠦᠰᠡ ᠪᠤᠯᠤᠨ᠎ᠠ᠂ ᠡᠭᠦᠨ᠎ᠤ ᠬᠠᠮᠲᠤ 《  ᠥᠪᠥᠷ ᠮᠣᠩᠭᠣᠯ᠎ᠤᠨ ᠠᠵᠤ ᠠᠬᠤᠶ ᠨᠡᠶ᠋ᠢᠭᠡᠮ᠎ᠢ ᠴᠢᠨᠠᠷᠯᠢᠭ ᠪᠥᠭᠡᠳ ᠲᠦᠷᠭᠡᠨ ᠬᠦᠭᠵᠢᠬᠦᠯᠬᠦ ᠵᠢ ᠤᠯᠠᠮ ᠨᠢᠭᠡ ᠠᠯᠬᠤᠮ ᠠᠬᠢᠭᠤᠯᠬᠤ ᠲᠤᠬᠠᠶ ᠰᠠᠨᠠᠯ᠎ᠤᠳ》᠎ᠲᠤ᠂ ᠬᠥᠬᠡᠬᠣᠲᠠ ᠪᠤᠭᠤᠲᠤ ᠤᠷᠳᠤᠰ᠎ᠢ ᠨᠢᠭᠡ ᠴᠤᠭᠴᠠᠵᠢᠭᠤᠯᠤᠨ ᠬᠥᠭᠵᠢᠭᠦᠯᠬᠦ ᠵᠢ ᠳᠡᠮᠵᠢᠵᠦ᠂ ᠬᠥᠬᠡᠬᠣᠲᠠ ᠪᠤᠭᠤᠲᠤ ᠤᠷᠳᠤᠰ᠎ᠤᠨ ᠤᠯᠤᠰ᠎ᠤᠨ ᠬᠥᠭᠵᠢᠯᠲᠡ ᠵᠢᠨ ᠪᠠᠶ᠋ᠢᠷᠢᠰᠢᠯ᠎ᠳᠠᠬᠢ ᠪᠠᠶ᠋ᠢᠷᠢ ᠰᠠᠭᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠤᠷᠪᠠᠨ ᠬᠤᠳᠠ ᠵᠢᠨ ᠬᠠᠮᠵᠢᠯᠴᠠᠨ ᠬᠥᠭᠵᠢᠭᠦᠯᠬᠦ᠎ᠳᠤ ᠠᠰᠢᠭᠲᠠᠶ ᠲᠥᠷᠥ ᠵᠢᠨ ᠪᠣᠳᠣᠯᠭ᠎ᠠ ᠵᠢᠨ ᠣᠷᠴᠢᠨ ᠨᠥᠬᠥᠴᠡᠯ᠎ᠢ ᠪᠤᠢ ᠪᠤᠯᠭ᠋ᠠᠵᠤ ᠦᠭᠭᠦ᠎ᠪᠠᠷ ᠲᠤᠲᠤᠷᠬᠠᠢ᠌ᠯᠠᠵᠠᠢ᠃ ᠭᠤᠷᠪᠠ᠎ᠳᠤ ᠥᠪᠡᠷᠲᠡᠭᠡᠨ ᠵᠠᠰᠠᠬᠤ ᠣᠷᠣᠨ 《8337》 ᠬᠥᠭᠵᠢᠯᠲᠡ ᠵᠢᠨ ᠰᠡᠳᠬᠢᠮᠵᠢ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ 《ᠲᠠᠪᠤᠨ ᠶᠡᠬᠡ ᠰᠠᠭᠤᠷᠢᠨ ᠭᠠᠵᠠᠷ》᠂ 《ᠬᠣᠶᠠᠷ ᠬᠠᠯᠬᠠᠪᠴᠢ》 ᠪᠤᠯᠤᠨ 《ᠨᠢᠭᠡ ᠪᠡᠬᠢᠯᠡᠯᠲᠡ ᠨᠢᠬᠡ ᠪᠦᠰᠡ》 ᠵᠢᠨ ᠪᠦᠲᠦᠭᠡᠨ ᠪᠠᠶ᠋ᠢᠭᠤᠯᠤᠯᠲᠠ ᠵᠢ ᠵᠣᠬᠢᠴᠠᠭᠤᠯᠤᠨ ᠠᠬᠢᠭᠤᠯᠵᠤ᠂ ᠬᠥᠬᠡᠬᠣᠲᠠ ᠪᠤᠭᠤᠲᠤ ᠤᠷᠳᠤᠰ ᠭᠤᠷᠪᠠᠨ ᠬᠤᠳᠠ ᠵᠢᠨ ᠠᠵᠤ ᠠᠬᠤᠶ ᠨᠡᠶ᠋ᠢᠭᠡᠮ᠎ᠤᠨ ᠬᠠᠷᠢᠯᠴᠠᠭ᠎ᠠ ᠵᠢ ᠡᠳᠦᠷ ᠢᠷᠡᠬᠦᠶ᠎ᠡ ᠥᠷᠭᠡᠨ ᠳᠡᠯᠭᠡᠷ ᠪᠤᠯᠭ᠋ᠠᠵᠤ᠂ ᠬᠣᠲᠠ ᠪᠠᠯᠭ᠋ᠠᠰᠤᠨ᠎ᠤ ᠲᠥᠪᠯᠡᠷᠡᠯ᠎ᠤᠨ ᠠᠩᠬᠠᠨ᠎ᠤ ᠲᠥᠯᠥᠪ ᠨᠢᠭᠡᠨᠲᠡ ᠪᠦᠷᠢᠯᠳᠦᠵᠤ᠂ ᠵᠠᠮ ᠬᠠᠷᠢᠯᠴᠠᠭ᠎ᠠ ᠤᠯᠠᠮ ᠨᠢᠭᠲᠠᠷᠠᠵᠤ᠂ ᠲᠤᠰ ᠲᠤᠰ᠎ᠤᠨ ᠬᠢᠨᠢ ᠠᠵᠤ ᠦᠢ᠍ᠯᠡᠰ᠎ᠤᠨ ᠣᠨᠴᠠᠯᠢᠭ ᠠᠩᠬ᠎ᠠ ᠠᠯᠬᠤᠮ ᠪᠤᠢ ᠪᠤᠯᠵᠤ᠂ ᠬᠠᠮᠵᠢᠯᠴᠠᠨ ᠬᠦᠭᠵᠢᠬᠦᠯᠬᠦ᠎ᠳᠤ ᠰᠠᠢ᠍ᠢ᠍ᠨ ᠰᠠᠶ᠋ᠢᠬᠠᠨ ᠨᠥᠬᠥᠴᠡᠯ᠎ᠢ ᠪᠦᠷᠢᠯᠳᠦᠬᠦᠯᠵᠤ ᠦᠭᠴᠠᠢ᠃ ᠳᠦᠷᠪᠡ᠎ᠳᠤ ᠮᠠᠨ᠎ᠤ ᠤᠯᠤᠰ ᠤᠳᠤ ᠶᠠᠭ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠬᠦ ᠵᠠᠩᠭᠢᠯᠠᠭ᠎ᠠ ᠵᠢᠨ ᠦᠶ᠎ᠡ᠎ᠳᠤ ᠤᠷᠤᠰᠢᠵᠤ᠂ ᠤᠯᠤᠰ᠎ᠠᠴᠠ ᠥᠭᠡᠷᠡᠴᠢᠯᠡᠯᠲᠡ ᠵᠢᠨ ᠳᠡᠭᠡᠪᠦᠷ ᠵᠢᠷᠤᠭ ᠲᠥᠯᠥᠪᠯᠡᠭᠡ ᠵᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠠᠴᠠ ᠭᠣᠣᠯᠳᠠᠯᠭ᠎ᠠ᠎ᠲᠠᠢ ᠬᠦᠷᠢᠶ᠎ᠡ ᠪᠤᠯᠤᠨ ᠵᠠᠩᠭᠢᠯᠠᠭ᠎ᠠ ᠵᠢᠨ ᠭᠤᠭᠴᠤᠭ᠎ᠠ ᠵᠢᠨ ᠥᠭᠡᠷᠡᠴᠢᠯᠡᠯᠲᠡ ᠵᠢᠨ ᠠᠯᠬᠤᠮ᠎ᠢ ᠲᠦᠷᠭᠡᠳᠭᠡᠵᠤ᠂   ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠬᠦᠭᠵᠢᠬᠦᠯᠬᠦ᠎ᠳᠤ ᠲᠤᠯᠭ᠋ᠠᠷᠠᠭᠰᠠᠨ ᠪᠠᠶ᠋ᠢᠭᠤᠯᠤᠯ᠎ᠤᠨ ᠲᠣᠭᠲᠠᠴᠠ ᠵᠢᠨ ᠬᠠᠷᠰᠢ ᠰᠠᠭ᠋ᠠᠳ᠎ᠢ ᠠᠷᠢᠯᠭ᠋ᠠᠬᠤ᠎ᠳᠤ ᠠᠰᠢᠭᠲᠠᠶ ᠪᠤᠯᠭ᠋ᠠᠵᠠᠢ᠃
      ᠬᠥᠲᠥᠯᠥᠭᠴᠢ᠄
      ᠲᠡᠭᠡᠪᠡᠯ 《13·5》 ᠵᠢᠨ ᠲᠦᠯᠦᠪᠵᠢᠬᠦᠯᠭᠡ ᠵᠢᠨ ᠬᠤᠭᠤᠴᠠᠭ᠋ᠠᠨ᠎ᠳᠠᠬᠢ ᠬᠥᠬᠡᠬᠣᠲᠠ ᠪᠤᠭᠤᠲᠤ ᠤᠷᠳᠤᠰ᠎ᠤᠨ   ᠬᠠᠮᠵᠢᠯᠴᠠᠨ ᠬᠦᠭᠵᠢᠬᠦᠯᠬᠦ ᠵᠢᠨ ᠵᠢᠯᠣᠭᠣᠳᠬᠤ ᠦᠵᠡᠯ ᠰᠠᠨᠠᠭ᠎ᠠ᠎ᠨᠢ ᠶᠠᠭᠤ ᠪᠤᠶ?
      ᠸᠸᠨ ᠮᠢᠨ᠄
     《13·5》 ᠵᠢᠨ ᠲᠦᠯᠦᠪᠵᠢᠬᠦᠯᠭᠡ ᠵᠢᠨ ᠬᠤᠭᠤᠴᠠᠭ᠋ᠠᠨ᠎ᠳᠠᠬᠢ ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠬᠥᠭᠵᠢᠭᠦᠯᠬᠦ ᠵᠢᠯᠣᠭᠣᠳᠬᠤ ᠦᠵᠡᠯ ᠰᠠᠨᠠᠭ᠎ᠠ ᠪᠣᠯ ᠳ᠋ᠧᠩ ᠰᠢᠶᠤᠤ ᠫᠢᠩ᠎ᠤᠨ ᠤᠨᠤᠯ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ᠎ᠪᠠᠷ ᠵᠢᠯᠤᠭᠤᠳᠤᠯᠭ᠎ᠠ ᠪᠣᠯᠭ᠋ᠠᠨ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠰᠢᠨ᠎ᠡ ᠬᠡᠪ ᠪᠠᠶ᠋ᠢᠳᠠᠯ᠎ᠳᠤ ᠵᠤᠬᠢᠴᠠᠬᠤ ᠪᠠ ᠲᠡᠭᠦᠨ᠎ᠢ ᠬᠥᠲᠥᠯᠥᠨ ᠳᠠᠭ᠋ᠠᠭᠤᠯᠵᠤ᠂ ᠨᠠᠮ᠎ᠤᠨ ᠠᠷᠪᠠᠨ   ᠨᠠᠢ᠍ᠮᠠᠳᠤᠭ᠋ᠠᠷ ᠶᠡᠬᠡ ᠬᠤᠷᠠᠯ᠂ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠤᠯᠤᠨ ᠶᠡᠷᠦᠩᠬᠡᠶ ᠱᠦᠵᠢ ᠰᠢ ᠵᠢᠨ ᠫᠢᠩ᠎ᠤᠨ ᠰᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠲᠤᠤᠱᠯᠠᠭᠤᠯᠵᠤ᠂ 《ᠳᠥᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠶᠣᠰᠣᠭ᠋ᠠᠷ᠂ ᠰᠢᠨ᠎ᠡ ᠵᠢ ᠡᠭᠦᠳᠬᠦ ᠬᠥᠭᠵᠢᠯᠲᠡ᠂ ᠵᠣᠬᠢᠴᠠᠩᠭᠤᠶ ᠬᠦᠭᠵᠢᠯᠲᠡ᠂ ᠪᠣᠬᠢᠷᠲᠤᠯ ᠦᠭᠡᠢ ᠬᠦᠭᠵᠢᠯᠲᠡ᠂ ᠨᠡᠬᠡᠬᠡᠯᠳᠡ᠎ᠲᠠᠢ ᠬᠦᠭᠵᠢᠯᠲᠡ᠂ ᠬᠠᠮᠲᠤ᠎ᠪᠠᠷ ᠡᠳ᠋ᠯᠡᠬᠦ ᠬᠦᠭᠵᠢᠯᠲᠡ ᠵᠢ ᠪᠠᠷᠢᠮᠲᠠᠯᠠᠵᠤ᠂ ᠬᠠᠷᠠᠯᠲᠠ᠎ᠪᠠᠷ ᠵᠢᠯᠣᠭᠣᠳᠤᠮᠵᠢ ᠪᠤᠯᠭ᠋ᠠᠬᠤ ᠪᠠ ᠠᠰᠠᠭᠤᠳᠠᠯ ᠵᠶ᠋ᠠᠷ ᠵᠢᠯᠤᠭᠤᠳᠤᠮᠵᠢ ᠪᠤᠯᠭ᠋ᠠᠬᠤ ᠵᠢ ᠪᠠᠷᠢᠮᠲᠠᠯᠠᠨ᠂ ᠰᠠᠭᠤᠷᠢ ᠪᠡᠯᠡᠳᠭᠡᠮᠵᠢ ᠵᠢᠨ ᠲᠠᠯ᠎ᠠ᠎ᠪᠠᠷ ᠬᠠᠷᠢᠯᠴᠠᠨ ᠬᠣᠯᠪᠣᠯᠳᠤᠵᠤ ᠬᠠᠷᠢᠯᠴᠠᠨ ᠨᠡᠪᠲᠡᠷᠡᠯᠴᠡᠬᠦ᠎ᠪᠠᠷ ᠰᠠᠭᠤᠷᠢ ᠪᠤᠯᠭ᠋ᠠᠵᠤ᠂ ᠬᠥᠬᠡᠬᠣᠲᠠ ᠪᠤᠭᠤᠲᠤ ᠤᠷᠳᠤᠰ᠎ᠢ ᠠᠳᠠᠯᠢ ᠬᠤᠲᠠᠴᠢᠯᠠᠬᠤ ᠪᠦᠲᠥᠭᠡᠨ ᠪᠠᠶ᠋ᠢᠭᠤᠯᠤᠯᠲᠠ᠎ᠪᠠᠷ ᠠᠴᠢᠶᠠᠯᠠᠭᠴᠢ ᠪᠤᠯᠭ᠋ᠠᠵᠤ᠂ ᠴᠢᠬᠤᠯᠠ ᠡᠯᠧᠮᠧᠨ᠋ᠲ᠎ᠤᠨ ᠲᠤᠬᠢᠷᠠᠭᠤᠯᠤᠯᠳᠡ ᠵᠢ ᠰᠢᠯᠢᠳᠡᠭᠵᠢᠭᠦᠯᠬᠦ᠎ᠪᠠᠷ ᠭᠣᠣᠯ ᠪᠤᠯᠭ᠋ᠠᠵᠤ᠂ ᠣᠷᠣᠨ ᠪᠦᠰᠡ ᠵᠢᠨ ᠨᠢᠭᠡᠳᠦᠯᠲᠡᠶ ᠵᠠᠬ᠎ᠠ ᠳᠡᠯᠭᠡᠭᠦᠷ᠎ᠢ ᠪᠠᠢ᠌ᠭᠤᠯᠬᠤ᠎ᠪᠠᠷ ᠭᠣᠣᠯᠳᠠᠯᠭ᠎ᠠ ᠪᠤᠯᠭ᠋ᠠᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠬᠥᠳᠡᠯᠭᠡᠬᠦ ᠬᠦᠴᠦᠨ ᠪᠣᠯᠭ᠋ᠠᠵᠤ᠂ 《ᠬᠠᠮᠲᠤᠷᠠᠨ ᠠᠵᠢᠯᠯᠠᠵᠤ ᠬᠠᠮᠲᠤ᠎ᠪᠠᠷ ᠠᠰᠢᠭ ᠬᠦᠷᠳᠡᠬᠦ᠂ ᠬᠠᠮᠲᠤ᠎ᠪᠠᠷ ᠬᠥᠭᠵᠢᠬᠦ》᠎ᠪᠠᠷ ᠦᠨᠳᠦᠰᠦᠨ ᠬᠠᠷᠠᠯᠲᠠ ᠪᠤᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠶᠢᠰᠦᠳᠦᠭᠡᠷ ᠬᠤᠭᠤᠴᠠᠭ᠋ᠠᠨ᠎ᠤ ᠠᠷᠪᠠᠨ ᠳᠥᠷᠪᠡᠳᠦᠭᠡᠷ ᠤᠳᠠᠭ᠎ᠠ ᠵᠢᠨ ᠪᠦᠬᠦ ᠭᠡᠰᠢᠭᠦᠳ᠎ᠤᠨ ᠬᠤᠷᠠᠯ᠎ᠤᠨ ᠵᠣᠷᠢᠭ ᠰᠠᠨᠠᠭ᠎ᠠ ᠪᠤᠯᠤᠨ 《8337》 ᠬᠥᠭᠵᠢᠯᠲᠡ ᠵᠢᠨ ᠰᠡᠳᠬᠢᠮᠵᠢ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠰᠠᠭᠤᠷᠢ ᠪᠡᠯᠡᠳᠭᠡᠮᠵᠢ ᠵᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ᠂ ᠠᠮᠢ ᠠᠬᠤᠶ ᠵᠢᠨ ᠣᠷᠴᠢᠨ ᠲᠣᠭᠣᠷᠢᠨ᠎ᠢ   ᠬᠠᠮᠲᠤᠷᠠᠨ ᠬᠠᠮᠠᠭ᠋ᠠᠯᠠᠵᠤ ᠬᠠᠮᠲᠤ᠎ᠪᠠᠷ ᠵᠠᠰᠠᠬᠤ᠂ ᠠᠵᠤ ᠦᠢ᠍ᠯᠡᠰ᠎ᠢ ᠬᠠᠷᠢᠯᠴᠠᠨ ᠨᠥᠬᠥᠪᠥᠷᠢᠯᠡᠵᠦ ᠬᠠᠮᠲᠤᠷᠠᠨ ᠠᠵᠢᠯᠯᠠᠬᠤ᠂ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢ ᠠᠳᠠᠯᠢ ᠲᠡᠭᠰᠢ ᠪᠣᠯᠭ᠋ᠠᠬᠤ ᠵᠢ ᠬᠦᠴᠦᠯᠡᠨ ᠠᠬᠢᠭᠤᠯᠵᠤ᠂ ᠣᠷᠣᠨ ᠪᠦᠰᠡ ᠵᠢᠨ ᠪᠦᠬᠦᠯᠢ ᠴᠣᠭᠴᠠ ᠵᠢᠨ ᠥᠷᠢᠰᠥᠯᠳᠦᠬᠦ ᠬᠦᠴᠦᠨ ᠪᠣᠯᠤᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠮᠡᠳᠡᠭᠳᠡᠬᠦᠶ᠋ᠢᠴᠡ ᠳᠡᠭᠡᠭᠰᠢᠯᠡᠭᠦᠯᠵᠦ᠂ ᠪᠦᠬᠦ ᠣᠷᠣᠨ᠎ᠳᠤ ᠡᠨᠭ ᠲᠡᠷᠢᠬᠦᠨ ᠵᠶ᠋ᠠᠷ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ   ᠪᠠᠢ᠌ᠭᠤᠯᠤᠨ ᠪᠡᠶᠡᠯᠡᠭᠦᠯᠬᠦ ᠶᠠᠪᠤᠳᠠᠯ ᠪᠤᠯᠤᠨ᠎ᠠ᠃
      ᠬᠥᠲᠥᠯᠥᠭᠴᠢ᠄
     《13· 5》 ᠵᠢᠨ ᠬᠤᠭᠤᠴᠠᠭ᠋ᠠᠨ᠎ᠳᠤ᠂ ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠬᠥᠭᠵᠢᠭᠦᠯᠬᠦ ᠵᠢᠨ ᠭᠣᠣᠯ ᠬᠠᠷᠠᠯᠲᠠ᠎ᠨᠢ ᠶᠠᠭᠤ ᠪᠤᠶ?
      ᠸᠸᠨ ᠮᠢᠩ᠄
     《13· 5》 ᠵᠢᠨ ᠬᠤᠭᠤᠴᠠᠭ᠋ᠠᠨ᠎ᠳᠤ᠂ ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠬᠥᠭᠵᠢᠭᠦᠯᠬᠦ ᠵᠢᠨ ᠭᠣᠣᠯ ᠬᠠᠷᠠᠯᠲᠠ ᠪᠣᠯ 2017 ᠣᠨ ᠪᠣᠯᠬᠤ᠎ᠳᠤ᠂ ᠬᠠᠮᠵᠢᠯᠴᠠᠨ ᠬᠦᠭᠵᠢᠭᠦᠯᠬᠦ ᠪᠠᠶ᠋ᠢᠭᠤᠯᠤᠯ ᠵᠢᠨ ᠲᠣᠭᠲᠠᠴᠠ ᠵᠢ ᠪᠠᠶ᠋ᠢᠭᠤᠯᠵᠤ᠂ ᠬᠠᠮᠵᠢᠯᠴᠠᠨ ᠬᠦᠭᠵᠢᠭᠦᠯᠬᠦ ᠪᠠᠶ᠋ᠢᠷᠢᠰᠢᠯ᠎ᠢ ᠠᠩᠬ᠎ᠠ ᠠᠯᠬᠤᠮ ᠪᠤᠢ ᠪᠣᠯᠭ᠋ᠠᠵᠤ᠂ ᠵᠠᠮ ᠬᠠᠷᠢᠯᠴᠠᠭ᠎ᠠ ᠮᠡᠳᠡᠭᠡ ᠬᠣᠯᠪᠣᠭ᠋ᠠᠨ᠎ᠤ ᠰᠢᠰᠲ᠋ᠧᠮᠵᠢ᠂ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ᠂ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠭᠠᠵᠠᠷ ᠣᠷᠣᠨ᠎ᠤ ᠬᠠᠮᠵᠢᠯᠴᠠᠭ᠎ᠠ᠂ ᠠᠵᠤ ᠦᠢ᠍ᠯᠡᠰ᠎ᠤᠨ ᠢᠵᠢ ᠪᠦᠷᠢᠳᠦᠭᠦᠯᠦᠨ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠤ ᠤᠷᠢᠳᠠᠪᠡᠷ ᠰᠢᠪᠲᠤᠯᠤᠯᠲᠠ ᠭᠠᠷᠭ᠋ᠠᠵᠤ᠂ ᠤᠳᠤ ᠵᠢᠨ ᠬᠡᠷᠡᠭᠵᠢᠭᠦᠯᠵᠦ ᠪᠠᠶ᠋ᠢᠭ᠎ᠠ ᠪᠠᠷᠢᠮᠵᠢᠶ᠎ᠠ ᠳᠣᠣᠷᠠᠬᠢ ᠬᠥᠳᠡᠭᠡ ᠲᠣᠰᠬᠣᠨ᠎ᠤ ᠶᠠᠳᠠᠭᠤ ᠬᠦᠴᠢᠷᠳᠡᠯ᠎ᠲᠠᠢ ᠬᠥᠮᠦᠨ ᠠᠮᠠ ᠵᠢ ᠶᠠᠳᠠᠭᠤ᠎ᠠᠴᠠ ᠠᠩᠭᠢᠵᠢᠷᠠᠭᠤᠯᠬᠤ ᠪᠠ ᠶᠠᠳᠠᠭᠤ ᠬᠦᠴᠢᠷᠳᠡᠯ᠎ᠲᠠᠢ ᠬᠣᠰᠢᠭᠤ ᠰᠢᠶᠠᠨ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠬᠤ ᠵᠢ ᠤᠷᠢᠳᠴᠢᠯᠠᠨ ᠪᠡᠶᠡᠯᠡᠭᠦᠯᠵᠦ᠂ ᠪᠦᠬᠦ ᠣᠷᠣᠨ᠎ᠳᠤ ᠡᠩ ᠲᠡᠷᠢᠭᠦᠨ᠎ᠳᠤ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠡᠶᠡᠯᠡᠭᠦᠯᠦᠨ᠎ᠡ᠃
     2020 ᠣᠨ ᠪᠣᠯᠬᠤ᠎ᠳᠤ᠂ ᠣᠷᠣᠨ ᠪᠦᠰᠡ ᠵᠢ ᠨᠢᠭᠡ ᠴᠣᠭᠴᠠᠵᠢᠭᠤᠯᠤᠭᠰᠠᠨ ᠵᠠᠮ ᠬᠠᠷᠢᠯᠴᠠᠭ᠋ᠠᠨ᠎ᠤ ᠲᠣᠣᠷ ᠰᠦᠯᠵᠢᠶ᠎ᠡ ᠵᠢ ᠦᠨᠳᠦᠰᠦᠨ᠎ᠳᠡᠭᠡᠨ ᠪᠦᠷᠢᠯᠳᠦᠭᠦᠯᠵᠦ᠂ ᠠᠮᠢ ᠠᠬᠤᠶ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠢᠯᠡᠷᠬᠡᠶ ᠰᠠᠶ᠋ᠢᠵᠢᠷᠠᠭᠤᠯᠵᠤ᠂ ᠠᠵᠤ ᠦᠢ᠍ᠯᠡᠰ᠎ᠢ ᠬᠣᠯᠪᠣᠭ᠋ᠠᠯᠠᠨ ᠬᠦᠭᠵᠢᠭᠦᠯᠬᠦ ᠵᠢ ᠢᠳᠡᠪᠬᠢ   ᠠᠬᠢᠴᠠ᠎ᠲᠠᠢ ᠪᠣᠯᠭ᠋ᠠᠵᠤ᠂ ᠠᠵᠢᠯ ᠣᠯᠭᠣᠬᠤ᠂ ᠰᠤᠷᠭ᠋ᠠᠨ ᠬᠥᠮᠦᠵᠢᠯ᠂ ᠰᠣᠶᠣᠯ᠂ ᠡᠮ ᠡᠮᠨᠡᠯᠭᠡ ᠡᠷᠡᠭᠦᠯ ᠬᠠᠮᠠᠭ᠋ᠠᠯᠠᠯ᠂ ᠨᠡᠶ᠋ᠢᠭᠡᠮ᠎ᠤᠨ ᠪᠠᠲᠤᠯᠠᠭ᠎ᠠ ᠵᠡᠷᠭᠡ ᠤᠯᠠᠨ ᠨᠡᠢ᠍ᠢ᠍ᠳᠡ ᠵᠢᠨ ᠦᠢ᠍ᠯᠡᠴᠢᠯᠡᠭᠡ ᠵᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠬᠦᠷᠲᠡᠬᠦ᠎ᠳᠤ ᠢᠳᠡᠪᠬᠢᠲᠡᠶ ᠦᠷ᠎ᠡ ᠪᠦᠲᠦᠮᠵᠢ ᠣᠯᠵᠤ᠂ ᠬᠠᠮᠵᠢᠯᠴᠠᠨ ᠬᠦᠭᠵᠢᠭᠦᠯᠬᠦ ᠲᠣᠭᠲᠠᠴᠠ ᠵᠢ ᠪᠦᠲᠦᠮᠵᠢᠲᠡᠶ᠎ᠪᠠᠷ ᠠᠵᠢᠯᠯᠠᠭᠤᠯᠵᠤ᠂ ᠡᠯ᠎ᠡ ᠲᠠᠯ᠎ᠠ ᠵᠢᠨ᠎ᠬᠢᠨ᠎ᠤ ᠬᠣᠷᠰᠢᠯᠴᠠᠬᠤ ᠪᠠᠶ᠋ᠢᠭᠤᠯᠤᠯ᠎ᠢ ᠨᠡᠩ ᠪᠣᠯᠪᠠᠰᠤᠷᠠᠩᠭᠤᠶ᠂ ᠨᠡᠩ ᠬᠡᠯᠪᠡᠷᠢᠰᠢᠯ᠎ᠲᠠᠢ ᠪᠣᠯᠭ᠋ᠠᠵᠤ᠂   ᠬᠠᠮᠵᠢᠯᠴᠠᠨ ᠬᠦᠭᠵᠢᠭᠦᠯᠬᠦ᠂ ᠬᠠᠷᠢᠯᠴᠠᠨ ᠠᠰᠢᠭᠲᠠᠶ ᠪᠠᠢ᠌ᠵᠤ ᠬᠠᠮᠲᠤ᠎ᠪᠠᠷ ᠠᠰᠢᠭ ᠬᠦᠷᠲᠡᠬᠦ ᠬᠥᠭᠵᠢᠯᠲᠡ ᠵᠢᠨ ᠪᠠᠶ᠋ᠢᠷᠢᠰᠢᠯ᠎ᠢ ᠦᠨᠳᠦᠰᠦᠨ᠎ᠳᠡᠭᠡᠨ ᠪᠣᠢ ᠪᠣᠯᠭ᠋ᠠᠵᠤ᠂ ᠪᠦᠬᠦ ᠣᠷᠣᠨ᠎ᠳᠤ ᠡᠩ ᠲᠡᠷᠢᠭᠦᠨ᠎ᠳᠤ ᠬᠣᠲᠠ ᠬᠥᠳᠡᠭᠡ ᠵᠢᠨ ᠨᠢᠭᠡ ᠴᠣᠭᠴᠠᠵᠢᠭᠤᠯᠤᠭᠰᠠᠨ ᠬᠥᠭᠵᠢᠯᠲᠡ ᠵᠢ ᠪᠡᠶᠡᠯᠡᠭᠦᠯᠦᠨ᠎ᠡ᠃
     2030 ᠣᠨ ᠪᠣᠯᠬᠤ᠎ᠳᠤ᠂ ᠣᠷᠣᠨ ᠪᠦᠰᠡ ᠵᠢᠨ ᠠᠵᠤ ᠠᠬᠤᠶ ᠵᠢᠨ ᠥᠷᠢᠰᠥᠯᠳᠦᠬᠦ ᠬᠦᠴᠦᠨ ᠢᠯᠡᠷᠬᠡᠶ ᠨᠡᠮᠡᠭᠳᠡᠵᠦ᠂ ᠠᠮᠢ ᠠᠬᠤᠶ ᠵᠢᠨ ᠣᠷᠴᠢᠨ ᠲᠣᠭᠣᠷᠢᠨ᠎ᠤ ᠶᠠᠰᠤ ᠴᠢᠨᠠᠷ ᠶᠡᠷᠦᠩᠬᠡᠶ᠎ᠳᠡᠭᠡᠨ ᠰᠠᠢ᠍ᠢ᠍ᠨ   ᠪᠣᠯᠵᠤ᠂ ᠠᠷᠠᠳ ᠲᠦᠮᠡᠨ ᠵᠶ᠋ᠠᠷ ᠭᠣᠣᠯ ᠪᠣᠯᠭ᠋ᠠᠭᠰᠠᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠢᠷᠢ ᠲᠥᠪᠰᠢᠨ᠎ᠢ ᠠᠳᠠᠯᠢ ᠲᠡᠭᠰᠢ ᠪᠣᠯᠭ᠋ᠠᠵᠤ᠂ ᠠᠵᠤ ᠦᠢ᠍ᠯᠡᠰ᠎ᠤᠨ ᠬᠠᠮᠵᠢᠯᠴᠠᠨ ᠬᠥᠭᠵᠢᠭᠦᠯᠬᠦ ᠲᠠᠯ᠎ᠠ᠎ᠪᠠᠷ ᠴᠢᠬᠤᠯᠠ ᠶᠡᠬᠡ ᠰᠢᠪᠲᠤᠯᠤᠯᠲᠠ ᠭᠠᠷᠭ᠋ᠠᠵᠤ᠂ ᠨᠢᠭᠡ ᠴᠣᠭᠴᠠᠵᠢᠭᠣᠯᠣᠭᠰᠠᠨ ᠬᠥᠭᠵᠢᠯᠲᠡ ᠵᠢᠨ ᠰᠢᠨ᠎ᠡ ᠱᠠᠲᠤᠨ᠎ᠳᠤ ᠣᠷᠣᠵᠤ᠂ ᠪᠦᠸᠧᠬᠠᠶ ᠲᠠᠩᠭᠢᠰ ᠳᠠᠭ᠋ᠠᠤ ᠭᠠᠵᠠᠷ ᠣᠷᠣᠨ᠎ᠤ   ᠬᠣᠷᠰᠢᠯᠴᠠᠬᠤ ᠬᠥᠭᠵᠢᠯᠲᠡ ᠵᠢ ᠲᠤᠯᠭ᠋ᠠᠭᠤᠷᠢᠯᠠᠬᠤ ᠴᠢᠬᠤᠯᠠ ᠬᠥᠳᠡᠯᠭᠡᠭᠦᠷ ᠪᠣᠯᠣᠨ ᠪᠦᠬᠦ ᠤᠯᠤᠰ᠎ᠤᠨ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠵᠢᠨ ᠦᠯᠢᠭᠡᠷ ᠬᠡᠪ ᠪᠣᠯᠭ᠋ᠠᠨ᠎ᠠ᠃
      ᠬᠥᠲᠥᠯᠥᠭᠴᠢ᠄
      ᠸᠸᠨ ᠡᠷᠬᠢᠯᠡᠭᠴᠢ ᠡ᠂ 《13· 5》 ᠵᠢᠨ ᠬᠤᠭᠤᠴᠠᠭ᠋ᠠᠨ᠎ᠳᠠᠬᠢ ᠬᠥᠬᠡᠬᠣᠲᠠ ᠪᠤᠭᠤᠲᠤ ᠤᠷᠳᠤᠰ᠎ᠤᠨ ᠣᠷᠣᠨ ᠪᠦᠰᠡ ᠵᠢ ᠶᠠᠮᠠᠷ ᠶᠡᠷᠦᠩᠬᠡᠶ ᠣᠷᠣᠨ ᠪᠠᠢ᠌ᠷᠢᠰᠢᠯ᠎ᠲᠠᠢ ᠪᠣᠯᠭ᠋ᠠᠬᠤ ᠪᠤᠢ?
      ᠸᠸᠨ ᠮᠢᠨ᠄
     《13· 5》 ᠵᠢᠨ ᠬᠤᠭᠤᠴᠠᠭ᠋ᠠᠨ᠎ᠳᠠᠬᠢ ᠬᠥᠬᠡᠬᠣᠲᠠ ᠪᠤᠭᠤᠲᠤ ᠤᠷᠳᠤᠰ᠎ᠤᠨ ᠣᠷᠣᠨ ᠪᠦᠰᠡ ᠵᠢ ᠵᠢᠷᠭᠤᠭ᠋ᠠᠨ ᠶᠡᠷᠦᠩᠬᠡᠶ ᠣᠷᠣᠨ ᠪᠠᠢ᠌ᠷᠢᠰᠢᠯ᠎ᠲᠠᠢ ᠪᠣᠯᠭ᠋ᠠᠨ᠎ᠠ᠂ ᠨᠢᠭᠡ᠎ᠳᠤ ᠤᠯᠤᠰ᠎ᠤᠨ ᠡᠬᠢ ᠪᠠᠶᠠᠯᠢᠭ᠎ᠤᠨ ᠬᠡᠯᠪᠡᠷᠢ ᠪᠥᠬᠥᠢ ᠭᠠᠵᠠᠷ ᠣᠷᠣᠨ᠎ᠤ ᠦᠷᠭᠦᠯᠵᠢᠯᠡᠨ ᠬᠥᠭᠵᠢᠬᠦ ᠲᠤᠷᠰᠢᠯᠲᠠ ᠵᠢᠨ ᠣᠷᠣᠨ ᠪᠣᠯᠭ᠋ᠠᠨ᠎ᠠ᠃ ᠡᠬᠢ ᠪᠠᠶᠠᠯᠢᠭ᠎ᠢ ᠠᠷᠪᠢᠯᠠᠬᠤ ᠬᠡᠯᠪᠡᠷᠢ ᠪᠣᠯᠣᠨ ᠣᠷᠴᠢᠨ ᠲᠣᠭᠤᠷᠢᠨ᠎ᠤ ᠨᠥᠬᠥᠷᠰᠡᠭ ᠬᠡᠯᠪᠡᠷᠢ ᠵᠢᠨ ᠬᠥᠭᠵᠢᠯᠲᠡ ᠵᠢᠨ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ ᠪᠣᠯᠣᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠨ᠎ᠠ; 《ᠲᠠᠪᠤᠨ ᠶᠡᠬᠡ ᠰᠠᠭᠤᠷᠢᠨ ᠭᠠᠵᠠᠷ》᠎ᠤᠨ ᠪᠦᠲᠦᠭᠡᠨ ᠪᠠᠶ᠋ᠢᠭᠤᠯᠤᠯᠲᠠ ᠵᠢᠨ ᠲᠣᠭᠤᠷᠢᠨ᠎ᠳᠤ᠂ ᠳᠡᠯᠡᠬᠡᠶ ᠵᠢᠨ ᠳᠡᠰ᠎ᠤᠨ ᠰᠢᠨ᠎ᠡ᠎ᠪᠠᠷ ᠬᠥᠭᠵᠢᠭᠰᠡᠨ ᠰᠦ ᠰᠠᠭ᠋ᠠᠯᠢ ᠵᠢᠨ ᠦᠢ᠍ᠯᠡᠰ᠎ᠤᠨ ᠰᠠᠭᠤᠷᠢᠨ ᠭᠠᠵᠠᠷ᠂ 《ᠬᠣᠪᠣᠷ ᠰᠢᠷᠣᠶ +》 ᠵᠢᠨ ᠰᠠᠭᠤᠷᠢᠨ ᠭᠠᠵᠠᠷ ᠪᠣᠯᠣᠨ ᠤᠯᠤᠰ᠎ᠤᠨ ᠪᠣᠬᠢᠷᠲᠤᠯ ᠦᠭᠡᠶ   ᠲᠠᠷᠢᠶᠠᠯᠠᠩ᠎ᠤᠨ ᠪᠦᠲᠦᠭᠡᠭᠳᠡᠭᠦᠨ ᠮᠠᠯ᠎ᠤᠨ ᠠᠰᠢᠭ ᠰᠢᠮ᠎ᠡ ᠵᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭ᠋ᠠᠬᠤ ᠰᠠᠭᠤᠷᠢᠨ ᠭᠠᠵᠠᠷ᠂ ᠴᠡᠪᠡᠷ ᠡᠨᠧᠷᠭᠢ ᠵᠢᠨ ᠰᠤᠷᠪᠤᠯᠵᠢ ᠵᠢ ᠦᠢ᠍ᠯᠡᠳᠪᠦᠷᠢᠯᠡᠵᠦ ᠭᠠᠷᠭ᠋ᠠᠬᠤ ᠰᠠᠭᠤᠷᠢᠨ ᠭᠠᠵᠠᠷ᠂ ᠤᠳᠤ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠰᠠᠭᠤᠷᠢᠨ ᠭᠠᠵᠠᠷ᠂ ᠲᠣᠭ᠎ᠠ ᠪᠠᠷᠢᠮᠲᠠ ᠵᠢᠨ ᠪᠡᠯᠡᠳᠬᠡᠯ ᠲᠥᠪ ᠵᠶ᠋ᠡᠷ ᠭᠣᠣᠯᠳᠠᠯᠭ᠎ᠠ   ᠪᠣᠯᠭ᠋ᠠᠵᠤ᠂ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠦᠨ ᠲᠡᠰ ᠳᠡᠪᠰᠢᠭᠦᠯᠬᠦ ᠵᠢ ᠲᠥᠷᠭᠡᠳᠬᠡᠵᠦ᠂ ᠤᠯᠤᠰ᠎ᠤᠨ ᠡᠬᠢ ᠪᠠᠶᠠᠯᠢᠭ᠎ᠤᠨ ᠬᠡᠯᠪᠡᠷᠢ ᠪᠥᠬᠥᠢ ᠭᠠᠵᠠᠷ ᠣᠷᠣᠨ᠎ᠤ ᠦᠷᠭᠦᠯᠵᠢᠯᠡᠨ ᠬᠦᠭᠵᠢᠬᠦ᠎ᠳᠤ ᠲᠤᠷᠰᠢᠯᠭ᠎ᠠ ᠬᠤᠷᠠᠮᠳᠤᠭᠤᠯᠵᠤ ᠥᠭᠭᠦᠨ᠎ᠡ᠃
      ᠬᠣᠶᠠᠷ᠎ᠲᠤ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠬᠤᠳᠠ ᠬᠥᠳᠡᠭᠡ ᠵᠢᠨ ᠬᠥᠭᠵᠢᠯᠲᠡ ᠵᠢ ᠨᠢᠭᠡᠳᠦᠯᠲᠡᠶ ᠲᠥᠯᠥᠪᠯᠡᠬᠦ ᠵᠢ ᠤᠷᠢᠳᠴᠢᠯᠠᠨ ᠬᠡᠷᠡᠭᠵᠢᠭᠦᠯᠬᠦ ᠣᠷᠣᠨ ᠪᠣᠯᠭ᠋ᠠᠨ᠎ᠠ᠃ ᠬᠢᠯᠢ ᠬᠢᠵᠠᠭ᠋ᠠᠷ᠎ᠤᠨ ᠴᠥᠭᠡᠨ ᠲᠣᠭ᠋ᠠᠲᠤ ᠦᠨᠳᠦᠰᠦᠲᠡᠨ᠎ᠤ ᠭᠠᠵᠠᠷ ᠣᠷᠣᠨ᠎ᠤ ᠪᠣᠳᠠᠲᠤ ᠪᠠᠢ᠌ᠳᠠᠯ᠎ᠳᠤ ᠰᠠᠭᠤᠷᠢᠯᠠᠨ᠂ ᠬᠥᠬᠡᠬᠣᠲᠠ ᠪᠤᠭᠤᠲᠤ ᠤᠷᠳᠤᠰ᠎ᠤᠨ ᠠᠵᠤ ᠦᠢ᠍ᠯᠡᠰ ᠪᠣᠯᠣᠨ ᠬᠣᠲᠠ ᠵᠢ ᠠᠭᠤᠰᠤᠯᠴᠠᠭᠤᠯᠬᠤ ᠪᠠ ᠮᠡᠳᠡᠭᠡ ᠵᠠᠩᠭᠢᠵᠢᠭᠤᠯᠬᠤ ᠪᠠ ᠠᠵᠤ ᠦᠢ᠍ᠯᠡᠳᠪᠦᠷᠢᠵᠢᠭᠦᠯᠬᠦ ᠵᠢ ᠠᠭᠤᠰᠤᠯᠴᠠᠭᠤᠯᠬᠤ ᠵᠢ ᠲᠥᠷᠭᠡᠳᠬᠡᠵᠦ᠂ ᠬᠥᠬᠡᠬᠣᠲᠠ ᠪᠤᠭᠤᠲᠤ ᠣᠷᠳᠣᠰ᠎ᠤᠨ ᠲᠥᠪ ᠬᠤᠳᠠ ᠵᠢᠨ ᠳᠠᠭ᠋ᠠᠭ᠋ᠠᠴᠠ ᠴᠢᠳᠠᠪᠤᠷᠢ ᠪᠣᠯᠣᠨ ᠨᠥᠯᠥᠭᠡᠯᠡᠬᠦ ᠦᠢ᠍ᠯᠡᠳᠦᠯ᠎ᠢ ᠦᠷᠭᠦᠯᠵᠢᠯᠡᠨ ᠳᠡᠭᠡᠭᠰᠢᠯᠡᠭᠦᠯᠦᠨ᠎ᠡ᠃ 《ᠠᠷᠪᠠ ᠵᠢ ᠪᠦᠷᠢᠨ ᠪᠦᠷᠬᠦᠭᠦᠯᠬᠦ》 ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ᠎ᠪᠠᠷ ᠡᠬᠢᠯᠡᠯᠲᠡ ᠪᠣᠯᠭ᠋ᠠᠵᠤ᠂ ᠲᠠᠷᠢᠶᠠᠯᠠᠬᠤ ᠣᠷᠣᠨ᠂ ᠮᠠᠯᠵᠢᠬᠤ ᠣᠷᠣᠨ᠎ᠤ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠢᠷᠢ ᠲᠥᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠰᠢᠨ᠎ᠡ ᠲᠠᠷᠢᠶᠠᠯᠠᠬᠤ ᠣᠷᠣᠨ᠂ ᠰᠢᠨ᠎ᠡ ᠮᠠᠯᠵᠢᠬᠤ ᠣᠷᠣᠨ᠎ᠤ ᠪᠥᠳᠥᠭᠡᠨ ᠪᠠᠶ᠋ᠢᠭᠤᠯᠤᠯᠲᠠ ᠵᠢ ᠬᠦᠴᠦᠯᠡᠨ ᠰᠠᠢ᠌ᠲᠤᠷ ᠬᠢᠵᠦ᠂ ᠬᠢᠯᠢ ᠬᠢᠵᠠᠭ᠋ᠠᠷ᠎ᠤᠨ ᠴᠥᠭᠡᠨ ᠲᠣᠭ᠋ᠠᠲᠤ ᠦᠨᠳᠦᠰᠦᠲᠡᠨ᠎ᠤ ᠭᠠᠵᠠᠷ ᠣᠷᠣᠨ᠎ᠤ ᠬᠤᠳᠠ ᠬᠥᠳᠡᠭᠡ ᠵᠢ ᠨᠢᠭᠡᠳᠦᠯᠲᠡᠶ ᠲᠥᠯᠥᠪᠯᠡᠨ ᠬᠥᠭᠵᠢᠭᠦᠯᠬᠦ ᠵᠢ ᠬᠥᠲᠥᠯᠥᠨ ᠳᠠᠭ᠋ᠠᠭᠤᠯᠤᠨ᠎ᠠ᠃
      ᠭᠤᠷᠪᠠ᠎ᠳᠤ ᠬᠠᠲᠤᠨ ᠭᠣᠣᠯ᠎ᠤᠨ ᠳᠤᠮᠳᠠ ᠳᠡᠭᠡᠳᠦ ᠤᠷᠤᠰᠬᠠᠯ᠎ᠤᠨ ᠠᠮᠢ ᠠᠬᠤᠶ ᠵᠢᠨ ᠣᠷᠴᠢᠨ   ᠲᠣᠭᠤᠷᠢᠨ᠎ᠤ ᠬᠠᠮᠠᠭ᠋ᠠᠯᠠᠯᠲᠠ ᠵᠢᠨ ᠵᠢᠱ᠌ᠢᠶ᠎ᠡ ᠦᠵᠡᠭᠦᠯᠬᠦ ᠣᠷᠣᠨ ᠪᠣᠯᠭ᠋ᠠᠨ᠎ᠠ᠃ ᠠᠮᠢ ᠠᠬᠤᠶ ᠵᠢᠨ ᠪᠣᠯᠪᠠᠰᠤᠨ᠎ᠤ ᠲᠦᠷᠢᠮ᠎ᠤᠨ ᠪᠠᠶ᠋ᠢᠭᠤᠯᠤᠯᠲᠠ᠎ᠪᠠᠷ ᠬᠠᠷᠠᠯᠲᠠ ᠪᠣᠯᠭ᠋ᠠᠨ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠠᠯᠢ ᠤᠯᠠᠨ ᠠᠮᠢ ᠠᠬᠤᠶ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ᠎ᠪᠠᠷ ᠭᠣᠣᠯᠳᠠᠯᠭ᠎ᠠ ᠪᠣᠯᠭ᠋ᠠᠵᠤ᠂ ᠠᠮᠢ ᠠᠬᠤᠶ ᠵᠢᠨ ᠣᠷᠣᠭᠤᠯᠤᠯᠲᠠ ᠵᠢ ᠦᠷᠭᠦᠯᠵᠢᠯᠡᠨ ᠨᠡᠮᠡᠭᠳᠡᠭᠦᠯᠦᠨ᠎ᠡ᠃ ᠣᠷᠴᠢᠨ ᠲᠣᠭᠤᠷᠢᠨ᠎ᠢ ᠬᠢᠨᠠᠨ ᠬᠡᠮᠵᠢᠬᠦ ᠪᠠ ᠬᠠᠤᠯᠢ ᠬᠡᠷᠡᠭᠵᠢᠭᠦᠯᠬᠦ ᠵᠢ ᠴᠢᠩᠭ᠋ᠠᠳᠬᠠᠵᠤ᠂ ᠣᠷᠴᠢᠨ ᠲᠣᠭᠤᠷᠢᠨ᠎ᠢ ᠬᠠᠮᠲᠤᠷᠠᠨ ᠰᠡᠷᠭᠡᠶ᠋ᠢᠯᠡᠵᠦ ᠬᠠᠮᠲᠤᠷᠠᠨ ᠡᠵᠡᠮᠳᠡᠬᠦ ᠵᠢ ᠬᠡᠷᠡᠭᠵᠢᠭᠦᠯᠦᠨ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠵᠢᠯ᠎ᠢ ᠦᠨᠡᠨ ᠬᠦ᠌ ᠲᠦᠯᠬᠢᠨ ᠠᠬᠢᠭᠤᠯᠵᠤ᠂ ᠬᠥᠬᠡᠬᠣᠲᠠ ᠪᠤᠭᠤᠲᠤ ᠤᠷᠳᠤᠰ᠎ᠤᠨ ᠣᠷᠣᠨ ᠪᠦᠰᠡ ᠵᠢᠨ ᠤᠰᠤ᠎ᠨᠢ ᠴᠡᠪᠡᠷ᠂ ᠠᠭ᠋ᠠᠷ᠎ᠨᠢ ᠰᠣᠷᠭᠣᠭ᠂ ᠡᠬᠡ ᠭᠠᠵᠠᠷ᠎ᠨᠢ ᠨᠣᠭᠣᠭ᠋ᠠᠨ ᠪᠠᠢ᠌ᠬᠤ ᠵᠢ ᠦᠨᠡᠨ ᠬᠦ᠌ ᠪᠠᠲᠤᠯᠠᠵᠤ᠂ ᠠᠵᠢᠯᠯᠠᠵᠤ ᠠᠮᠢᠳᠤᠷᠠᠬᠤ᠎ᠳᠤ ᠲᠣᠬᠢᠲᠠᠢ ᠪᠣᠯᠭ᠋ᠠᠨ᠎ᠠ᠃
      ᠳᠦᠷᠪᠡ᠎ᠳᠤ ᠳᠤᠮᠳᠠᠳᠤ ᠮᠣᠩᠭᠣᠯ ᠣᠷᠣᠰ᠎ᠤᠨ ᠠᠵᠤ ᠠᠬᠤᠶ ᠵᠢᠨ ᠬᠤᠨᠭ᠌ᠬᠢᠯ᠎ᠤᠨ ᠴᠢᠬᠤᠯᠠ ᠲᠤᠯᠭ᠋ᠠᠭᠤᠷᠢᠯᠠᠬᠤ ᠣᠷᠣᠨ ᠪᠣᠯᠭ᠋ᠠᠨ᠎ᠠ᠃ ᠮᠣᠩᠭᠣᠯ ᠤᠯᠤᠰ᠎ᠤᠨ 《ᠲᠠᠯ᠎ᠠ ᠨᠤᠲᠤᠭ᠎ᠤᠨ ᠵᠠᠮ》᠎ᠤᠨ ᠰᠠᠨᠠᠭ᠋ᠠᠴᠢᠯᠠᠭ᠎ᠠ ᠪᠣᠯᠤᠨ ᠣᠷᠣᠰ᠎ᠤᠨ ᠠᠯᠤᠰ ᠳᠣᠷᠣᠨᠠᠲᠤ ᠵᠢᠨ ᠭᠠᠵᠠᠷ ᠣᠷᠣᠨ᠎ᠢ ᠨᠡᠭᠡᠭᠡᠨ ᠬᠥᠭᠵᠢᠭᠦᠯᠬᠦ ᠵᠢ ᠲᠦᠷᠭᠡᠳᠬᠡᠬᠦ ᠰᠠᠨᠠᠭ᠋ᠠᠴᠢᠯᠠᠭ᠎ᠠ᠎ᠠᠴᠠ᠎ᠪᠠᠨ ᠵᠠᠯᠭ᠋ᠠᠯᠳᠤᠵᠤ᠂ ᠰᠣᠶᠣᠯ ᠢᠷᠭᠡᠨᠰᠢᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ᠂ ᠰᠠᠭᠤᠷᠢ ᠲᠥᠬᠥᠭᠡᠷᠦᠮᠵᠢ ᠵᠢ ᠬᠣᠯᠪᠣᠯᠳᠤᠭᠤᠯᠤᠨ ᠨᠡᠪᠲᠡᠷᠡᠯᠴᠡᠭᠦᠯᠬᠦ ᠵᠢ ᠴᠢᠩᠭ᠋ᠠᠳᠬᠠᠵᠤ᠂ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠋ᠠᠨ᠎ᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠮᠣᠩᠭᠣᠯ ᠣᠷᠣᠰ᠎ᠯᠤᠭ᠎ᠠ ᠵᠢᠨ ᠪᠣᠳᠠᠲᠤ ᠠᠵᠢᠯᠯᠠᠭ᠎ᠠ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠪᠦᠬᠦ ᠲᠠᠯ᠎ᠠ᠎ᠪᠠᠷ ᠲᠦᠯᠬᠢᠨ ᠤᠷᠤᠭᠰᠢᠯᠠᠭᠤᠯᠵᠤ᠂ ᠭᠠᠳᠠᠭᠰᠢᠯ ᠠᠵᠤ ᠠᠬᠤᠶ ᠵᠢᠨ ᠬᠥᠭᠵᠢᠯᠲᠡ ᠵᠢ ᠲᠦᠷᠭᠡᠳᠬᠡᠵᠦ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠶ ᠵᠢᠨ ᠬᠤᠨᠭ᠌ᠬᠢᠯ᠎ᠤᠨ ᠪᠦᠲᠦᠭᠡᠨ ᠪᠠᠶ᠋ᠢᠭᠤᠯᠤᠯᠲᠠ ᠵᠢᠨ ᠳᠤᠮᠳᠠ ᠡᠮᠦᠨ᠎ᠡ ᠡᠩᠨᠡᠭᠡ᠎ᠳᠤ ᠤᠷᠤᠭᠰᠢᠯᠠᠨ᠎ᠠ᠃
      ᠲᠠᠪᠤ᠎ᠳᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ᠎ᠪᠠᠷ ᠬᠠᠮᠵᠢᠯᠴᠠᠨ ᠬᠥᠭᠵᠢᠭᠦᠯᠬᠦ ᠦᠯᠢᠭᠡᠷ ᠳᠠᠭᠤᠷᠢᠶᠠᠯ᠎ᠤᠨ ᠣᠷᠣᠨ ᠪᠣᠯᠭ᠋ᠠᠨ᠎ᠠ᠃ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠠᠯᠬᠤᠴᠠ ᠵᠢ ᠲᠦᠷᠭᠡᠳᠬᠡᠵᠦ᠂ ᠬᠠᠮᠵᠢᠯᠴᠠᠨ ᠬᠥᠭᠵᠢᠭᠦᠯᠬᠦ ᠪᠠᠶ᠋ᠢᠭᠤᠯᠤᠯ᠎ᠤᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠬᠠᠮᠵᠢᠯᠴᠠᠨ ᠬᠥᠭᠵᠢᠬᠦ ᠵᠢ ᠬᠢᠵᠠᠭ᠋ᠠᠷᠯᠠᠬᠤ ᠵᠠᠰᠠᠭ ᠵᠠᠬᠢᠷᠭ᠋ᠠᠨ᠎ᠤ ᠪᠡᠬᠢᠯᠡᠯᠲᠡ ᠪᠠ ᠲᠥᠷᠢᠮ᠎ᠤᠨ ᠬᠠᠷᠰᠢ ᠵᠢ ᠠᠷᠢᠯᠭ᠋ᠠᠵᠤ᠂ ᠴᠢᠬᠤᠯᠠ ᠡᠯᠧᠮᠧᠨ᠋ᠲ᠎ᠢ ᠴᠢᠯᠥᠭᠡᠲᠡᠶ ᠡᠷᠭᠢᠯᠳᠦᠭᠦᠯᠬᠦ ᠪᠠ ᠠᠵᠤ ᠦᠢ᠍ᠯᠡᠰ᠎ᠤᠨ ᠲᠠᠯ᠎ᠠ᠎ᠪᠠᠷ ᠬᠠᠮᠵᠢᠯᠴᠠᠬᠤ ᠵᠢ ᠠᠬᠢᠭᠤᠯᠵᠤ᠂ ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤᠶ᠋ᠢᠴᠠ ᠣᠷᠣᠨ ᠪᠦᠰᠡ ᠵᠢᠨ ᠬᠠᠮᠵᠢᠯᠴᠠᠨ ᠬᠥᠭᠵᠢᠭᠦᠯᠬᠦ ᠲᠤᠷᠰᠢᠯᠭ᠎ᠠ ᠵᠢ ᠰᠦᠪᠡᠭᠴᠢᠯᠡᠨ ᠳ᠋ᠦᠩᠨᠡᠵᠦ᠂ ᠪᠦᠬᠦ ᠣᠷᠣᠨ᠎ᠤ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ᠎ᠳᠤ ᠬᠥᠲᠥᠯᠥᠨ ᠳᠠᠭ᠋ᠠᠭᠤᠯᠵᠤ ᠳᠠᠶ᠋ᠢᠴᠢᠯᠠᠬᠤ ᠦᠢ᠍ᠯᠡᠳᠦᠯ᠎ᠢ ᠥᠷᠨᠢᠭᠦᠯᠦᠨ᠎ᠡ᠃
      ᠵᠢᠷᠭᠤᠭ᠎ᠠ᠎ᠳᠤ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠢ ᠡᠭᠦᠳᠦᠨ ᠬᠥᠭᠵᠢᠭᠦᠯᠬᠦ ᠵᠢ ᠬᠥᠲᠥᠯᠥᠨ ᠳᠠᠭ᠋ᠠᠭᠤᠯᠬᠤ ᠣᠷᠣᠨ ᠪᠣᠯᠭ᠋ᠠᠨ᠎ᠠ᠃ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠴᠢᠳᠠᠪᠤᠷᠢ ᠵᠢ ᠨᠡᠮᠡᠭᠳᠡᠭᠦᠯᠬᠦ᠎ᠪᠠᠷ ᠭᠣᠣᠯ ᠪᠣᠯᠭ᠋ᠠᠵᠤ᠂ ᠣᠷᠣᠨ ᠪᠦᠰᠡ ᠵᠢᠨ ᠲᠣᠲᠣᠷᠠᠬᠢ ᠰᠢᠨ᠎ᠡ ᠵᠢ ᠡᠭᠦᠳᠬᠦ ᠡᠬᠢ ᠪᠠᠶᠠᠯᠢᠭ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠣᠬᠢᠷᠠᠭᠤᠯᠵᠤ᠂ ᠠᠮᠢᠳᠤᠯᠢᠭ ᠬᠦᠴᠦᠨ᠎ᠲᠠᠢ ᠪᠥᠭᠡᠳ ᠦᠷ᠎ᠡ ᠪᠦᠲᠦᠮᠵᠢ᠎ᠲᠠᠢ ᠰᠢᠨ᠎ᠡ ᠵᠢ ᠡᠭᠦᠳᠬᠦ ᠬᠥᠭᠵᠢᠯᠲᠡ ᠵᠢᠨ ᠪᠠᠶ᠋ᠢᠭᠤᠯᠤᠯ᠎ᠤᠨ ᠲᠣᠭᠲᠠᠴᠠ ᠵᠢ ᠲᠦᠷᠭᠡᠨ ᠪᠣᠢ ᠪᠣᠯᠭ᠋ᠠᠵᠤ᠂ ᠮᠡᠷᠭᠡᠵᠢᠯ᠎ᠤᠨ ᠰᠢᠨ᠎ᠡ ᠵᠢ ᠡᠭᠦᠳᠬᠦ᠂ ᠬᠡᠯᠪᠡᠷᠢ ᠪᠠᠶ᠋ᠢᠳᠠᠯ᠎ᠤᠨ ᠰᠢᠨ᠎ᠡ ᠵᠢ ᠡᠭᠦᠳᠬᠦ᠂ ᠬᠡᠪ ᠵᠠᠭᠪᠤᠷ᠎ᠤᠨ ᠰᠢᠨ᠎ᠡ ᠵᠢ ᠡᠭᠦᠳᠬᠦ ᠵᠢ ᠢᠳᠡᠪᠬᠢᠲᠡᠶ ᠲᠦᠯᠬᠢᠨ ᠠᠬᠢᠭᠤᠯᠵᠤ᠂ ᠰᠢᠨ᠎ᠡ ᠵᠢ ᠡᠭᠦᠳᠬᠦ ᠮᠠᠶᠢᠭ᠎ᠤᠨ ᠥᠪᠥᠷ ᠮᠣᠩᠭᠣᠯ᠎ᠤᠨ ᠪᠦᠲᠦᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠬᠥᠲᠥᠯᠥᠨ ᠳᠠᠭ᠋ᠠᠭᠤᠯᠵᠤ᠂ ᠠᠵᠤ ᠠᠬᠤᠶ ᠵᠢᠨ ᠬᠥᠭᠵᠢᠯᠲᠡ ᠵᠢᠨ ᠠᠷᠭ᠎ᠠ ᠮᠠᠶᠢᠭ᠎ᠢ ᠬᠤᠪᠢᠷᠠᠭᠤᠯᠬᠤ᠎ᠳᠤ ᠬᠦᠴᠦᠷᠬᠡᠭ ᠶᠡᠬᠡ ᠬᠥᠳᠡᠯᠭᠡᠭᠴᠢ ᠬᠦᠴᠦᠨ ᠣᠯᠭᠣᠨ᠎ᠠ᠃
      ᠬᠥᠲᠥᠯᠥᠭᠴᠢ᠄
     《13.5》 ᠵᠢᠨ ᠬᠤᠭᠤᠴᠠᠭ᠋ᠠᠨ᠎ᠳᠤ ᠬᠥᠬᠡᠬᠣᠲᠠ ᠪᠤᠭᠤᠲᠤ ᠤᠷᠳᠤᠰ᠎ᠤᠨ ᠣᠷᠣᠨ ᠪᠦᠰᠡ ᠵᠢ ᠶᠠᠮᠠᠷ ᠣᠷᠣᠨ ᠵᠠᠢ ᠵᠢᠨ ᠪᠠᠢ᠌ᠷᠢᠰᠢᠯ᠎ᠲᠠᠢ ᠪᠣᠯᠭ᠋ᠠᠬᠤ ᠪᠣᠢ?
      ᠸᠸᠨ ᠮᠢᠨ᠄
      ᠣᠷᠣᠨ ᠵᠠᠶ ᠵᠢᠨ ᠪᠠᠶ᠋ᠢᠷᠢᠰᠢᠯ᠎ᠤᠨ ᠲᠠᠯ᠎ᠠ᠎ᠪᠠᠷ ᠣᠷᠣᠨ ᠪᠦᠰᠡ ᠵᠢᠨ ᠬᠠᠮᠵᠢᠯᠴᠠᠭ᠎ᠠ᠂ ᠬᠤᠳᠠ ᠬᠥᠳᠡᠭᠡ ᠵᠢᠨ ᠨᠢᠭᠡ ᠴᠤᠭᠴᠠᠵᠢᠭᠤᠯᠤᠯᠲᠠ ᠵᠢ ᠪᠠᠷᠢᠮᠲᠠᠯᠠᠵᠤ᠂ ᠴᠢᠬᠤᠯᠠ ᠡᠯᠧᠮᠧᠨ᠋ᠲ᠎ᠢ ᠡᠮᠬᠢ ᠵᠢᠷᠤᠮ᠎ᠲᠠᠢ ᠴᠢᠯᠥᠭᠡᠲᠡᠶ ᠡᠷᠭᠢᠯᠳᠦᠭᠦᠯᠬᠦ᠂ ᠪᠡᠶᠡᠴᠢ ᠴᠣᠭᠴᠠ ᠵᠢᠨ ᠴᠢᠳᠠᠮᠵᠢ ᠵᠢ ᠪᠦᠲᠦᠮᠵᠢᠲᠡᠢ ᠬᠢᠵᠠᠭ᠋ᠠᠷᠯᠠᠬᠤ᠂ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠠᠳᠠᠯᠢ ᠲᠡᠭᠰᠢ ᠪᠣᠯᠭ᠋ᠠᠬᠤ᠂ ᠡᠬᠢ ᠪᠠᠶᠠᠯᠢᠭ᠎ᠤᠨ ᠣᠷᠴᠢᠨ ᠲᠣᠭᠣᠷᠢᠨ᠎ᠢ ᠳᠠᠭ᠋ᠠᠯᠴᠠ᠎ᠲᠠᠢ ᠪᠤᠯᠭ᠋ᠠᠠᠬᠤ ᠱᠠᠭ᠋ᠠᠷᠳᠠᠯᠭ᠎ᠠ ᠶᠣᠰᠣᠭ᠋ᠠᠷ᠂ 《ᠨᠢᠭᠡ ᠭᠣᠣᠯ ᠬᠣᠶᠠᠷ ᠵᠢᠭᠦᠷ ᠭᠤᠷᠪᠠᠨ ᠪᠦᠰᠡ ᠳᠥᠷᠪᠡᠨ ᠣᠷᠣᠨ》᠎ᠤ ᠣᠷᠣᠨ ᠵᠠᠶ ᠵᠢᠨ ᠪᠠᠶ᠋ᠢᠷᠢᠰᠢᠯ᠎ᠢ ᠪᠤᠢ ᠪᠣᠯᠭ᠋ᠠᠨ᠎ᠠ᠃
     《ᠨᠢᠭᠡ ᠭᠣᠣᠯ ᠬᠣᠶᠠᠷ ᠵᠢᠭᠦᠷ》 ᠭᠡᠳᠡᠭ᠎ᠨᠢ ᠬᠥᠬᠡᠬᠣᠲᠠ ᠵᠢᠨ ᠭᠣᠣᠯᠯᠠᠬᠤ ᠪᠠᠶ᠋ᠢᠷᠢ ᠵᠢ ᠲᠣᠪᠣᠢ᠌ᠯᠭ᠋ᠠᠵᠤ᠂ ᠲᠥᠪ ᠬᠣᠲᠠ ᠵᠢᠨ ᠠᠵᠤ ᠠᠬᠤᠶ ᠵᠢ ᠲᠦᠷᠭᠡᠨ ᠬᠥᠭᠵᠢᠭᠦᠯᠵᠦ᠂ ᠬᠤᠳᠠ ᠵᠢᠨ ᠦᠢ᠍ᠯᠡᠴᠢᠯᠡᠭᠡᠨ᠎ᠤ ᠴᠢᠳᠠᠮᠵᠢ ᠵᠢ ᠨᠡᠮᠡᠭᠳᠡᠭᠦᠯᠵᠦ᠂ ᠶᠡᠷᠦᠩᠬᠡᠶ᠋ᠢᠯᠡᠭᠰᠡᠨ ᠳᠠᠭ᠋ᠠᠭ᠋ᠠᠴᠠ ᠪᠣᠯᠤᠨ ᠨᠥᠯᠥᠭᠡᠯᠡᠨ ᠳᠠᠶ᠋ᠢᠴᠢᠯᠠᠬᠤ ᠴᠢᠳᠠᠪᠤᠷᠢ ᠵᠢ᠎ᠨᠢ ᠳᠡᠭᠡᠭᠰᠢᠯᠡᠭᠦᠯᠦᠨ᠎ᠡ᠃ ᠪᠤᠭᠤᠲᠤ᠂ ᠣᠷᠳᠣᠰ᠎ᠤᠨ ᠣᠷᠣᠨ ᠪᠦᠰᠡ ᠵᠢᠨ ᠳᠡᠳ᠋ᠯᠡᠬᠦ ᠪᠠᠶ᠋ᠢᠷᠢ ᠵᠢ ᠴᠢᠩᠭ᠋ᠠᠷᠠᠭᠤᠯᠵᠤ᠂ ᠣᠷᠣᠨ ᠪᠦᠰᠡ ᠵᠢᠨ ᠠᠵᠤ ᠠᠬᠤᠶ ᠵᠢᠨ ᠬᠥᠭᠵᠢᠯᠲᠡ ᠵᠢᠨ ᠬᠥᠳᠡᠯᠭᠡᠬᠦ ᠬᠦᠴᠦᠨ ᠪᠣᠯᠬᠤ ᠦᠢ᠍ᠯᠡᠳᠦᠯ᠎ᠢ᠎ᠨᠢ ᠪᠠᠳᠠᠷᠠᠭᠤᠯᠵᠤ᠂ ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠬᠥᠭᠵᠢᠭᠦᠯᠬᠦ ᠨᠡᠮᠡᠭᠳᠡᠯ᠎ᠤᠨ ᠲᠤᠶ᠋ᠢᠯ ᠪᠣᠯᠭ᠋ᠠᠨ ᠴᠣᠭᠴᠠᠯᠠᠨ᠎ᠠ᠃ ᠵᠡᠭᠦᠨᠭ᠋ᠠᠷ᠂ ᠲᠡᠯᠡᠦᠠ᠂ ᠲᠦᠮᠡᠳ ᠪᠠᠷᠠᠭᠤᠨ᠂ ᠲᠦᠮᠡᠳ ᠵᠡᠭᠦᠨ᠂ ᠲᠣᠭᠲᠠᠬᠤ᠂ ᠬᠣᠷᠢᠨᠭᠡᠷ ᠵᠡᠷᠭᠡ ᠬᠣᠲᠠ ᠪᠠᠯᠭ᠋ᠠᠰᠤ ᠵᠢᠨ ᠬᠡᠪᠴᠢᠶᠡᠵᠢᠯ᠎ᠢ ᠬᠥᠭᠵᠢᠭᠦᠯᠦᠨ ᠪᠤᠵᠠᠭ᠋ᠠᠢ᠌ᠷᠠᠭᠤᠯᠵᠤ᠂ ᠬᠥᠬᠡᠬᠣᠲᠠ ᠪᠤᠭᠤᠲᠤ ᠤᠷᠳᠤᠰ᠎ᠤᠨ ᠬᠤᠳᠠ ᠵᠢᠨ ᠰᠦᠷᠦᠭᠯᠡᠯ᠎ᠤᠨ ᠲᠦᠷᠭᠡᠨ ᠬᠥᠭᠵᠢᠯᠲᠡ ᠵᠢ ᠠᠬᠢᠭᠤᠯᠬᠤ ᠵᠢ ᠵᠢᠭ᠋ᠠᠵᠤ ᠪᠣᠢ᠃
     《ᠭᠤᠷᠪᠠᠨ ᠶᠡᠬᠡ ᠠᠵᠤ ᠦᠢ᠍ᠯᠡᠰ᠎ᠤᠨ ᠪᠦᠰᠡ》 ᠭᠡᠳᠡᠭ᠎ᠨᠢ ᠬᠠᠳᠤᠨ ᠭᠣᠣᠯ ᠳᠠᠭ᠋ᠠᠤ ᠭᠣᠣᠯ ᠱᠤᠭᠤᠮ ᠳᠠᠭ᠋ᠠᠤ ᠵᠢᠨ ᠠᠵᠤ ᠦᠢ᠍ᠯᠡᠰ᠎ᠤᠨ ᠪᠦᠰᠡ᠂ ᠮᠤᠨᠢ ᠠᠭᠤᠯᠠ ᠵᠢᠨ ᠠᠷᠤ ᠬᠣᠷᠮᠣᠶ ᠵᠢᠨ ᠰᠢᠨ᠎ᠡ ᠡᠨᠧᠷᠭᠢ ᠰᠤᠷᠪᠤᠯᠵᠢ ᠵᠢᠨ ᠠᠵᠤ ᠦᠢ᠍ᠯᠡᠰ᠎ᠤᠨ ᠪᠦᠰᠡ ᠪᠠ ᠲᠦᠮᠡᠳ᠎ᠤᠨ ᠲᠠᠯ᠎ᠠ ᠵᠢᠨ ᠪᠣᠬᠢᠷᠲᠤᠯ ᠦᠭᠡᠶ ᠮᠠᠯ ᠲᠠᠷᠢᠶᠠᠯᠠᠩ᠎ᠤᠨ ᠭᠠᠷᠤᠯᠲᠠ ᠵᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭ᠋ᠠᠬᠤ ᠪᠦᠰᠡ ᠵᠢ ᠵᠢᠭ᠋ᠠᠵᠤ ᠪᠤᠢ᠃
     《ᠠᠮᠢ ᠠᠬᠤᠶ ᠵᠢ ᠶᠡᠷᠦᠩᠬᠡᠶ᠋ᠢᠯᠡᠨ ᠵᠠᠰᠠᠬᠤ ᠲᠦᠷᠪᠡᠨ ᠣᠷᠣᠨ》 ᠬᠡᠳᠡᠭ᠎ᠨᠢ ᠣᠷᠳᠣᠰ ᠵᠶ᠋ᠡᠷ ᠭᠣᠣᠯ ᠪᠣᠯᠭ᠋ᠠᠭᠰᠠᠨ ᠲᠤᠪᠤᠴᠢᠬ ᠭᠤᠤ ᠭᠠᠩᠭ᠎ᠠ᠂ ᠡᠯᠡᠰᠦ ᠮᠠᠩᠬ᠎ᠠ ᠡᠯᠡᠰᠦᠷᠬᠡᠭ ᠭᠠᠵᠠᠷ᠎ᠤᠨ ᠠᠮᠢ ᠠᠬᠤᠶ ᠵᠢ ᠵᠠᠰᠠᠬᠤ ᠣᠷᠣᠨ; ᠴᠢᠩ ᠱᠦᠢ ᠾᠧ ᠰᠢᠶᠠᠨ᠂ ᠬᠣᠷᠢᠨᠭᠡᠷ ᠰᠢᠶᠠᠨ᠂ ᠲᠣᠭᠲᠠᠬᠤ ᠰᠢᠶᠠᠨ ᠵᠡᠷᠭᠡ᠎ᠪᠠᠷ ᠭᠣᠣᠯ ᠪᠣᠯᠭ᠋ᠠᠭᠰᠠᠨ ᠰᠢᠷᠣᠶ ᠴᠢᠯᠠᠭᠤᠨ ᠠᠭᠤᠯᠠ ᠵᠢᠨ ᠠᠮᠢ ᠠᠬᠤᠶ ᠵᠢ ᠵᠠᠰᠠᠬᠤ ᠣᠷᠣᠨ; ᠭᠦᠶᠡᠩ ᠰᠢᠶᠠᠨ᠂ ᠦᠴᠦᠸᠠᠨ ᠰᠢᠶᠠᠨ᠂ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤ᠂ ᠰᠢᠭᠤᠶ᠋ᠢᠲᠤ ᠲᠣᠭᠣᠷᠢᠭ ᠵᠡᠷᠭᠡ᠎ᠪᠠᠷ ᠭᠣᠣᠯ ᠪᠣᠯᠭ᠋ᠠᠭᠰᠠᠨ ᠮᠤᠨᠢ ᠠᠭᠤᠯᠠ ᠵᠢᠨ ᠠᠷᠤ ᠬᠣᠷᠮᠣᠶ ᠵᠢᠨ ᠠᠮᠢ ᠠᠬᠤᠶ ᠵᠢ ᠶᠡᠷᠦᠩᠬᠡᠶ᠋ᠢᠯᠡᠨ ᠵᠠᠰᠠᠬᠤ ᠣᠷᠣᠨ; ᠲᠦᠮᠡᠳ ᠵᠡᠭᠦᠨ ᠬᠣᠰᠢᠭᠤ᠂ ᠬᠣᠲᠣᠩ ᠲᠣᠭᠣᠷᠢᠭ᠂ ᠰᠢᠨ᠎ᠡ ᠬᠣᠲᠠ ᠲᠣᠭᠣᠷᠢᠭ᠂ ᠵᠢᠤ ᠶᠤᠸᠠᠨ ᠲᠣᠭᠣᠷᠢᠭ᠂ ᠴᠢᠩᠱ᠌ᠠᠨ ᠲᠣᠭᠣᠷᠢᠭ᠂ ᠬᠥᠨᠳᠡᠯᠡᠨ ᠲᠣᠭᠣᠷᠢᠭ᠂ ᠳ᠋ᠦᠩ ᠾᠧ ᠲᠣᠭᠣᠷᠢᠭ᠂ ᠲᠦᠮᠡᠳ ᠪᠠᠷᠠᠭᠤᠨ ᠬᠣᠰᠢᠭᠤ ᠵᠡᠷᠭᠡ᠎ᠪᠠᠷ ᠭᠣᠣᠯ ᠪᠣᠯᠭ᠋ᠠᠭᠰᠠᠨ ᠳᠠᠯᠠᠨ ᠬᠠᠷ᠎ᠠ ᠠᠭᠤᠯᠠ ᠵᠢᠨ ᠡᠮᠦᠨ᠎ᠡ ᠡᠩᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠣᠷᠣᠨ᠎ᠢ ᠵᠢᠭ᠋ᠠᠵᠤ ᠪᠣᠢ᠃
ᠬᠥᠲᠥᠯᠥᠭᠴᠢ᠄
      ᠲᠡᠭᠡᠪᠡᠯ 《13·5》 ᠵᠢᠨ ᠬᠤᠭᠤᠴᠠᠭ᠋ᠠᠨ᠎ᠳᠤ ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠬᠦᠭᠵᠢᠭᠦᠯᠬᠦ᠎ᠳᠤ ᠤᠷᠢᠳᠠᠪᠠᠷ ᠠᠯᠢ ᠬᠦᠷᠢᠶᠡᠨ᠎ᠳᠤ ᠰᠢᠪᠲᠤᠯᠤᠯᠲᠠ ᠬᠢᠬᠦ ᠪᠤᠢ?
      ᠸᠸᠡ ᠮᠢᠨ᠄
      ᠤᠷᠢᠳᠠᠪᠠᠷ ᠰᠢᠪᠲᠤᠯᠤᠯᠲᠠ ᠬᠢᠬᠦ ᠬᠦᠷᠢᠶᠡᠨ᠎ᠳᠤ ᠬᠣᠶᠠᠷ ᠲᠠᠯ᠎ᠠ ᠵᠢᠨ ᠠᠭᠤᠯᠭ᠎ᠠ ᠪᠠᠭᠲᠠᠨ᠎ᠠ᠂ ᠨᠢᠭᠡ᠎ᠳᠤ ᠰᠠᠭᠤᠷᠢ ᠪᠡᠯᠡᠳᠬᠡᠮᠵᠢ ᠵᠢᠨ ᠬᠣᠯᠪᠣᠯᠳᠤᠭᠤᠯᠤᠨ ᠨᠡᠪᠲᠡᠷᠡᠯᠴᠡᠭᠦᠯᠬᠦ ᠵᠢ ᠲᠦᠯᠬᠢᠨ ᠠᠬᠢᠭᠤᠯᠤᠨ᠎ᠠ᠃ ᠣᠷᠣᠨ ᠵᠠᠶ ᠵᠢ ᠥᠷᠭᠡᠳᠬᠡᠵᠦ᠂ ᠳᠤᠲᠠᠭᠤ ᠲᠠᠯ᠎ᠠ᠎ᠪᠠᠨ ᠨᠦᠬᠦᠪᠦᠷᠢᠯᠡᠬᠦ᠎ᠪᠠᠷ ᠬᠠᠷᠠᠯᠲᠠ ᠪᠣᠯᠭ᠋ᠠᠨ᠂ ᠬᠣᠲᠠ ᠠᠯᠤᠰᠯᠠᠭᠰᠠᠨ ᠴᠢᠬᠤᠯᠠ ᠶᠡᠬᠡ ᠰᠠᠭᠤᠷᠢ ᠪᠡᠯᠡᠳᠬᠡᠮᠵᠢ ᠵᠢ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠠᠳᠠᠯᠢ ᠬᠣᠲᠠᠴᠢᠯᠠᠬᠤ᠂   ᠰᠦᠯᠵᠢᠶᠡᠵᠢᠭᠦᠯᠬᠦ᠂ ᠳᠦᠬᠦᠮᠴᠢᠯᠡᠬᠦ᠎ᠪᠠᠷ ᠴᠢᠭᠯᠡᠯ ᠪᠣᠯᠭ᠋ᠠᠵᠤ᠂ ᠰᠠᠭᠤᠷᠢ ᠪᠡᠯᠡᠳᠬᠡᠮᠵᠢ ᠵᠢᠨ ᠨᠢᠭᠡᠳᠦᠯᠲᠡᠢ ᠬᠠᠮᠢᠶᠠᠷᠤᠯᠲᠠ ᠵᠢᠨ ᠰᠢᠰᠲ᠋ᠧᠮᠵᠢ ᠵᠢ ᠠᠯᠬᠤᠮ ᠠᠯᠬᠤᠮ ᠵᠶ᠋ᠠᠷ ᠪᠠᠶ᠋ᠢᠭᠤᠯᠵᠤ᠂ ᠪᠦᠷᠢᠨ ᠴᠢᠳᠠᠪᠤᠷᠢ᠎ᠲᠠᠢ᠂ ᠰᠢᠯᠤᠭᠤᠨ ᠵᠤᠯᠭ᠋ᠠᠯᠲᠠ᠎ᠲᠠᠢ᠂ ᠪᠦᠲᠦᠮᠵᠢᠲᠦ ᠠᠵᠢᠯᠯᠠᠭ᠎ᠠ᠎ᠲᠠᠢ᠂ ᠴᠢᠨᠠᠷᠵᠢᠭᠤᠨ ᠦᠢ᠍ᠯᠡᠴᠢᠯᠡᠭᠡ᠎ᠲᠠᠢ᠂ ᠠᠮᠤᠷ ᠲᠦᠪᠰᠢᠨ ᠣᠷᠴᠢᠨ ᠲᠤᠭᠤᠷᠢᠨ᠎ᠲᠠᠢ ᠨᠢᠭᠡ ᠴᠤᠭᠴᠠᠵᠢᠭᠤᠯᠤᠭᠰᠠᠨ ᠤᠳᠤ ᠦᠶ᠎ᠡ ᠵᠢᠨ ᠰᠠᠭᠤᠷᠢ ᠪᠡᠯᠡᠳᠬᠡᠮᠵᠢ ᠵᠢᠨ ᠰᠢᠰᠲ᠋ᠧᠮᠵᠢ ᠵᠢ ᠪᠦᠷᠢᠯᠳᠦᠭᠦᠯᠦᠨ᠎ᠡ᠃ ᠬᠣᠶᠠᠷ᠎ᠲᠤ ᠠᠮᠢ ᠠᠬᠤᠶ ᠵᠢᠨ ᠪᠤᠯᠪᠠᠰᠤᠨ᠎ᠢ ᠬᠠᠮᠲᠤᠷᠠᠨ ᠪᠠᠢ᠌ᠭᠤᠯᠤᠨ᠎ᠠ᠃ ᠪᠣᠬᠢᠷᠲᠤᠯ ᠦᠭᠡᠢ᠎ᠪᠠᠷ ᠤᠷᠤᠨ ᠵᠶ᠋ᠠᠨ ᠪᠠᠶᠠᠵᠢᠭᠤᠯᠵᠤ᠂ ᠪᠤᠬᠢᠷᠳᠤᠯ ᠦᠭᠡᠢ᠎ᠪᠠᠷ ᠠᠷᠠᠳ᠎ᠲᠤ ᠠᠰᠢᠭ ᠬᠦᠷᠲᠡᠭᠡᠬᠦ ᠵᠢ ᠪᠠᠷᠢᠮᠲᠠᠯᠠᠵᠤ᠂ ᠡᠬᠡ ᠪᠠᠢ᠌ᠭ᠋ᠠᠯᠢ ᠵᠢ ᠡᠮᠬᠢ ᠵᠢᠷᠤᠮ᠎ᠲᠠᠢ᠎ᠪᠠᠷ ᠠᠰᠢᠭᠯᠠᠨ᠂ ᠲᠠᠷᠢᠶᠠᠯᠠᠩ᠎ᠤᠨ ᠣᠷᠣᠨ ᠵᠠᠶ ᠪᠠ ᠠᠮᠢ ᠠᠬᠤᠶ ᠵᠢᠨ ᠣᠷᠣᠨ ᠵᠠᠢ ᠵᠢᠨ ᠬᠠᠮᠠᠭ᠋ᠠᠯᠠᠯᠲᠠ ᠵᠢᠨ ᠬᠤᠷᠢᠭ᠎ᠠ ᠱᠤᠭᠤᠮ᠎ᠢ ᠵᠠᠭ᠋ᠠᠭᠯᠠᠨ ᠲᠣᠭᠲᠠᠭ᠋ᠠᠵᠤ᠂ ᠰᠢᠨᠵᠢᠯᠡᠬᠦ ᠤᠬᠠᠭ᠋ᠠᠨᠴᠢ ᠪᠦᠭᠡᠳ ᠵᠦᠢ ᠵᠣᠬᠢᠰᠲᠠᠶ ᠬᠣᠲᠠᠴᠢᠯᠠᠯᠲᠠ ᠵᠢᠨ ᠬᠡᠪ ᠪᠠᠢ᠌ᠳᠠᠯ᠂ ᠲᠠᠷᠢᠶᠠᠯᠠᠩ᠎ᠤᠨ ᠬᠥᠭᠵᠢᠯᠲᠡ ᠵᠢᠨ ᠪᠠᠶ᠋ᠢᠷᠢᠰᠢᠯ ᠪᠠ ᠠᠮᠢ ᠠᠬᠤᠶ ᠵᠢᠨ ᠠᠮᠤᠷ ᠲᠦᠪᠰᠢᠨ᠎ᠤ ᠪᠠᠶ᠋ᠢᠷᠢᠰᠢᠯ᠎ᠢ ᠪᠤᠢ ᠪᠣᠯᠭ᠋ᠠᠨ᠎ᠠ᠃ ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠲᠥᠷᠢᠮ᠎ᠢ ᠬᠡᠷᠡᠭᠵᠢᠭᠦᠯᠵᠦ᠂ ᠠᠮᠢ ᠠᠬᠤᠶ ᠵᠢᠨ ᠰᠢᠰᠲ᠋ᠧᠮ᠎ᠢ ᠬᠠᠮᠠᠭ᠋ᠠᠯᠠᠨ ᠰᠡᠷᠭᠦᠭᠡᠬᠦ ᠪᠠ ᠪᠣᠬᠢᠷᠲᠤᠯ᠎ᠢ ᠰᠡᠷᠭᠡᠶ᠋ᠢᠯᠡᠨ ᠵᠠᠰᠠᠬᠤ ᠤᠷᠤᠨ᠎ᠤ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠵᠤ᠂ ᠭᠤᠷᠪᠠᠨ ᠭᠠᠵᠠᠷ᠎ᠢ ᠰᠢᠪᠲᠤᠯᠤᠭᠰᠠᠨ ᠴᠢᠬᠤᠯᠠ ᠶᠡᠬᠡ ᠠᠮᠢ ᠠᠬᠤᠶ ᠵᠢᠨ ᠰᠢᠰᠲᠸᠮᠵᠢ ᠵᠢᠨ ᠵᠠᠰᠠᠨ ᠰᠡᠷᠭᠦᠭᠡᠬᠦ ᠢᠨᠵᠧᠨᠧᠷᠢᠩ᠎ᠢ ᠲᠦᠯᠦᠪᠵᠢᠭᠦᠯᠦᠨ ᠬᠡᠷᠡᠭᠵᠢᠭᠦᠯᠦᠨ᠎ᠡ᠃ ᠣᠷᠴᠢᠯ ᠠᠵᠤ ᠠᠬᠤᠶ ᠵᠢ ᠶᠡᠬᠡᠪᠡᠷ ᠬᠥᠭᠵᠢᠭᠦᠯᠵᠦ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠲᠤ ᠠᠮᠢ ᠠᠬᠤᠶ ᠵᠢᠨ ᠨᠡᠩ ᠤᠯᠠᠨ ᠴᠢᠨᠠᠷᠯᠢᠭ ᠪᠦᠲᠦᠭᠡᠭᠳᠡᠬᠦᠨ ᠬᠠᠩᠭ᠋ᠠᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠢ ᠠᠬᠤᠶ ᠵᠢᠨ ᠬᠠᠯᠬᠠᠪᠴᠢ ᠵᠢᠨ ᠴᠢᠬᠤᠯᠠ ᠳᠠᠭ᠋ᠠᠭ᠋ᠠᠴᠠ ᠤᠷᠤᠨ᠎ᠢ ᠪᠠᠢ᠌ᠭᠤᠯᠤᠨ᠎ᠠ᠃
      ᠬᠥᠲᠥᠯᠥᠭᠴᠢ᠄
      ᠸᠸᠡ ᠡᠷᠬᠢᠯᠡᠭᠴᠢ ᠡ᠂ 《13·5》 ᠵᠢᠨ ᠬᠤᠭᠤᠴᠠᠭ᠋ᠠᠨ᠎ᠳᠤ ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠬᠦᠭᠵᠢᠭᠦᠯᠬᠦ᠎ᠳᠤ ᠶᠠᠮᠠᠷ ᠡᠭᠦᠷᠭᠡ ᠵᠢ ᠭᠣᠣᠯᠳᠠᠯᠭ᠎ᠠ᠎ᠲᠠᠢ ᠲᠦᠯᠬᠢᠨ ᠠᠬᠢᠭᠤᠯᠬᠤ ᠪᠤᠢ?
      ᠸᠸᠡ ᠮᠢᠨ᠄
      ᠬᠤᠶᠠᠷ ᠡᠭᠦᠷᠭᠡ ᠵᠢ ᠭᠣᠣᠯᠳᠠᠯᠭ᠎ᠠ᠎ᠲᠠᠢ ᠲᠦᠯᠬᠢᠨ ᠠᠬᠢᠭᠤᠯᠤᠨ᠎ᠠ᠂ ᠨᠢᠭᠡ᠎ᠳᠤ ᠠᠵᠤ ᠦᠢ᠍ᠯᠡᠰ᠎ᠤᠨ ᠬᠠᠮᠵᠢᠯᠴᠠᠨ ᠬᠦᠭᠵᠢᠭᠦᠯᠬᠦ ᠵᠢ ᠬᠥᠲᠥᠯᠥᠨ ᠵᠢᠯᠤᠭᠤᠳᠤᠨ᠎ᠠ᠃ ᠡᠯ᠎ᠡ ᠭᠠᠵᠠᠷ᠎ᠤᠨ ᠡᠬᠢ ᠪᠠᠶᠠᠯᠢᠭ᠎ᠤᠨ ᠲᠥᠷᠥᠯᠬᠢ ᠳᠠᠪᠠᠭᠤᠯᠢᠭ ᠪᠠ ᠬᠠᠷᠢᠴᠠᠩᠭᠤᠶ ᠳᠠᠪᠠᠭᠤᠯᠢᠭ᠎ᠲᠤ ᠰᠠᠭᠤᠷᠢᠯᠠᠨ᠂ ᠰᠢᠨ᠎ᠡ ᠮᠡᠷᠭᠡᠵᠢᠯ᠂ ᠰᠢᠨ᠎ᠡ ᠦᠢ᠍ᠯᠡᠳᠬᠦᠨ᠂ ᠰᠢᠨ᠎ᠡ ᠪᠠᠷᠢᠮᠵᠢᠶ᠎ᠠ ᠵᠢ ᠰᠤᠳᠤᠯᠤᠨ ᠨᠡᠭᠡᠭᠡᠵᠦ ᠳᠡᠯᠭᠡᠷᠡᠭᠦᠯᠬᠦ ᠵᠢ ᠲᠦᠷᠭᠡᠳᠬᠡᠵᠦ᠂ ᠡᠵᠡᠨ ᠮᠡᠳᠡᠭᠰᠡᠨ ᠮᠡᠳᠡᠯᠭᠡ ᠵᠢᠨ ᠪᠦᠲᠦᠭᠡᠭᠳᠡᠬᠦᠨ᠎ᠤ ᠡᠷᠬᠡ ᠪᠦᠬᠦᠢ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠨᠡᠷᠡᠲᠦ ᠲᠡᠮᠳᠡᠭᠲᠦ ᠵᠢ ᠪᠣᠶ᠋ᠢᠵᠢᠭᠤᠯᠵᠤ᠂ ᠳᠠᠪᠠᠭᠤᠯᠢᠭ ᠠᠵᠤ ᠦᠢ᠍ᠯᠡᠰ᠎ᠤᠨ ᠳᠤᠮᠳᠠ ᠳᠡᠭᠡᠳᠦ ᠳᠡᠰ ᠵᠦᠭ ᠳᠠᠪᠰᠢᠬᠤ ᠵᠢ ᠬᠦᠴᠦᠲᠡᠶ ᠲᠦᠯᠬᠢᠨ ᠠᠬᠢᠭᠤᠯᠵᠤ᠂ ᠤᠯᠠᠮᠵᠢᠯᠠᠯᠲᠤ ᠠᠵᠤ ᠦᠢ᠍ᠯᠡᠰ᠎ᠢ ᠰᠢᠨ᠎ᠡ ᠬᠡᠯᠪᠡᠷᠢᠴᠢᠯᠡᠬᠦ᠂ ᠰᠢᠨ᠎ᠡ ᠮᠠᠶᠢᠭ᠎ᠤᠨ ᠠᠵᠤ ᠦᠢ᠍ᠯᠡᠰ᠎ᠢ ᠬᠡᠪᠴᠢᠶᠡᠵᠢᠭᠦᠯᠬᠦ᠂ ᠲᠤᠯᠭ᠋ᠠᠭᠤᠷᠢ ᠠᠵᠤ ᠦᠢ᠍ᠯᠡᠰ᠎ᠢ ᠤᠯᠠᠨ ᠡᠰᠢᠴᠢᠯᠡᠭᠦᠯᠬᠦ ᠵᠢ ᠠᠬᠢᠭᠤᠯᠵᠤ᠂ ᠣᠷᠣᠨ ᠪᠦᠰᠡ ᠵᠢᠨ ᠬᠣᠭᠣᠷᠣᠨᠳᠣᠬᠢ ᠠᠵᠤ ᠦᠢ᠍ᠯᠡᠰ᠎ᠤᠨ ᠬᠠᠮᠵᠢᠯᠴᠠᠨ ᠬᠦᠭᠵᠢᠭᠦᠯᠬᠦ ᠪᠠ ᠬᠠᠮᠲᠤᠷᠠᠨ ᠬᠥᠳᠡᠯᠦᠯᠴᠡᠬᠦ ᠲᠣᠭᠲᠠᠴᠠ᠎ᠲᠠᠢ ᠪᠤᠯᠭ᠋ᠠᠵᠤ᠂ ᠳᠠᠪᠠᠭᠤᠯᠢᠭ ᠲᠠᠯ᠎ᠠ᠎ᠪᠠᠨ ᠬᠠᠷᠢᠯᠴᠠᠨ ᠨᠦᠬᠦᠪᠦᠷᠢᠯᠡᠬᠦ᠂ ᠢᠵᠢ ᠪᠦᠷᠢᠳᠦᠭᠦᠯᠦᠨ ᠵᠤᠬᠢᠴᠠᠭᠤᠯᠬᠤ ᠠᠵᠤ ᠦᠢ᠍ᠯᠡᠰ᠎ᠤᠨ ᠠᠵᠢᠯ᠎ᠤᠨ ᠬᠤᠪᠢᠶᠠᠷᠢᠯᠠᠯ᠎ᠤᠨ ᠰᠢᠰᠲᠸᠮᠵᠢ ᠵᠢ ᠪᠠᠢ᠌ᠭᠤᠯᠤᠨ᠎ᠠ᠃ ᠬᠣᠶᠠᠷ᠎ᠲᠤ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢ ᠬᠠᠮᠵᠢᠯᠴᠠᠭᠤᠯᠤᠨ᠎ᠠ᠃ ᠬᠢᠵᠠᠭ᠋ᠠᠷ ᠱᠤᠭᠤᠮ᠎ᠢ ᠪᠠᠲᠤ ᠰᠠᠬᠢᠵᠤ᠂ ᠳᠦᠷᠢᠮ ᠲᠣᠭᠲᠠᠭ᠋ᠠᠯ᠎ᠢ ᠪᠦᠷᠢᠨᠰᠢᠭᠦᠯᠵᠦ᠂ ᠵᠢᠱ᠌ᠢᠯᠲᠡ ᠵᠢ ᠬᠥᠲᠥᠯᠥᠨ ᠵᠢᠯᠣᠭᠣᠳᠴᠤ᠂ ᠰᠠᠭᠤᠷᠢ ᠵᠢ ᠪᠠᠲᠤᠯᠠᠵᠤ᠂ ᠠᠵᠢᠯ ᠤᠯᠭᠤᠬᠤ ᠠᠳᠠᠯ ᠦᠢ᠍ᠯᠡᠰ ᠴᠤᠭᠴᠠᠯᠠᠬᠤ᠂ ᠰᠤᠷᠭ᠋ᠠᠨ ᠬᠥᠮᠦᠵᠢᠯ ᠰᠣᠶᠣᠯ ᠪᠣᠯᠪᠠᠰᠤᠷᠠᠯ᠂ ᠡᠮ ᠡᠮᠨᠡᠯᠭᠡ ᠡᠷᠡᠭᠦᠯ ᠮᠡᠨᠳᠦ ᠪᠠ ᠨᠡᠶ᠋ᠢᠭᠡᠮ᠎ᠤᠨ ᠪᠠᠲᠤᠯᠠᠭ᠎ᠠ᠎ᠪᠠᠷ ᠭᠣᠣᠯᠳᠠᠯᠭ᠎ᠠ ᠪᠤᠯᠭ᠋ᠠᠨ᠂ ᠤᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠬᠤ ᠠᠷᠭ᠎ᠠ ᠮᠠᠶᠢᠭ᠎ᠢ ᠰᠢᠨᠡᠴᠢᠯᠡᠵᠦ᠂ ᠵᠠᠰᠠᠭ᠎ᠤᠨ ᠣᠷᠳᠣᠨ᠎ᠤ ᠦᠢ᠍ᠯᠡᠴᠢᠯᠡᠭᠡ ᠬᠤᠳᠠᠯᠳᠤᠨ ᠠᠪᠴᠤ ᠬᠠᠩᠭ᠋ᠠᠵᠤ ᠳᠡᠢ᠌ᠯᠡᠬᠦ᠎ᠳᠤᠨᠢ ᠵᠠᠰᠠᠭ᠎ᠤᠨ ᠣᠷᠳᠣᠨ ᠳᠠᠬᠢᠨ ᠰᠢᠭᠤᠳ ᠳᠠᠭ᠋ᠠᠭ᠋ᠠᠨ ᠭᠦᠢ᠍ᠴᠡᠳᠬᠡᠬᠦ ᠦᠭᠡᠢ ᠪᠤᠯᠭ᠋ᠠᠨ᠎ᠠ; ᠵᠠᠰᠠᠭ᠎ᠤᠨ ᠣᠷᠳᠣᠨ ᠪᠠ ᠨᠡᠶ᠋ᠢᠭᠡᠮ᠎ᠤᠨ ᠬᠦᠷᠦᠩᠭᠡ ᠬᠤᠷᠰᠢᠨ ᠬᠠᠩᠭ᠋ᠠᠵᠤ ᠳᠡᠢ᠌ᠯᠡᠬᠦ᠂ ᠨᠡᠢ᠌ᠭᠡᠮ᠎ᠤᠨ ᠥᠷᠭᠡᠨ ᠳᠡᠯᠭᠡᠷ ᠬᠥᠷᠥᠨᠭᠭᠡ ᠵᠢ ᠲᠠᠲᠠᠵᠤ ᠣᠷᠣᠯᠴᠠᠭᠤᠯᠤᠨ᠎ᠠ᠃ ᠭᠤᠷᠪᠠᠨ ᠬᠤᠳᠠ ᠵᠢᠨ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢ ᠠᠳᠠᠯᠢ ᠲᠡᠭᠰᠢ ᠪᠣᠯᠭ᠋ᠠᠬᠤ᠂ ᠨᠢᠭᠡ ᠴᠤᠭᠴᠠᠵᠢᠭᠤᠯᠬᠤ ᠵᠢ ᠲᠦᠯᠬᠢᠨ ᠠᠬᠢᠭᠤᠯᠵᠤ᠂ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠬᠠᠮᠲᠤᠪᠠᠷ ᠪᠠᠶ᠋ᠢᠭᠤᠯᠬᠤ ᠴᠢᠳᠠᠪᠤᠷᠢ ᠪᠠ ᠬᠠᠮᠲᠤ᠎ᠪᠠᠷ ᠬᠦᠷᠲᠡᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
      ᠬᠥᠲᠥᠯᠥᠭᠴᠢ᠄
     《13 · 5》 ᠵᠢᠨ ᠬᠤᠭᠤᠴᠠᠭ᠋ᠠᠨ᠎ᠳᠤ ᠬᠥᠬᠡᠬᠣᠲᠠ ᠪᠤᠭᠤᠲᠤ ᠤᠷᠳᠤᠰ᠎ᠨᠢ ᠨᠢᠭᠡᠳᠦᠯᠲᠡᠶ ᠲᠦᠯᠦᠪᠯᠡᠨ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠵᠢ ᠬᠡᠷᠬᠢᠨ ᠪᠡᠶᠡᠯᠡᠭᠦᠯᠬᠦ ᠪᠤᠢ?
      ᠸᠸᠨ ᠮᠢᠨ᠄
      ᠬᠥᠬᠡᠬᠣᠲᠠ ᠪᠤᠭᠤᠲᠤ ᠤᠷᠳᠤᠰ᠎ᠤᠨ ᠣᠷᠣᠨ ᠪᠦᠰᠡ᠎ᠨᠢ ᠰᠢᠨ᠎ᠡ ᠵᠢ ᠡᠭᠦᠳᠬᠦ᠎ᠪᠠᠷ ᠬᠦᠭᠵᠢᠯᠲᠡ ᠵᠢ ᠬᠥᠲᠥᠯᠥᠨ ᠳᠠᠭ᠋ᠠᠭᠤᠯᠬᠤ ᠵᠢᠨ ᠨᠢᠭᠡᠳᠦᠭᠡᠷ ᠬᠥᠳᠡᠯᠭᠡᠬᠦ ᠬᠦᠴᠦᠨ ᠪᠣᠯᠭ᠋ᠠᠨ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠪᠠ ᠮᠡᠷᠭᠡᠵᠢᠯ᠎ᠤᠨ ᠲᠠᠪᠠᠯᠳᠠᠳᠤ ᠬᠦᠭᠵᠢᠯᠲᠡ ᠵᠢᠨ ᠪᠠᠢ᠌ᠯᠳᠤᠬᠤ ᠪᠣᠳᠤᠯᠭ᠎ᠠ ᠵᠢ ᠲᠦᠷᠭᠡᠪᠴᠢᠯᠡᠨ ᠬᠡᠷᠡᠭᠵᠢᠭᠦᠯᠵᠦ᠂ ᠰᠢᠨ᠎ᠡ ᠵᠢ ᠡᠭᠦᠳᠬᠦ ᠡᠬᠢ ᠪᠠᠶᠠᠯᠢᠭ᠎ᠢ ᠲᠦᠷᠭᠡᠨ ᠲᠦᠪᠯᠡᠷᠡᠭᠦᠯᠬᠦ᠂ ᠵᠦᠢ ᠵᠣᠬᠢᠰᠲᠠᠶ ᠲᠣᠬᠢᠷᠠᠭᠤᠯᠬᠤ᠂ ᠨᠡᠬᠡᠬᠡᠨ ᠬᠦᠭᠵᠢᠭᠦᠯᠵᠦ ᠬᠠᠮᠲᠤᠪᠠᠷ ᠬᠦᠷᠲᠡᠬᠦ᠂ ᠥᠨᠳᠥᠷ ᠪᠦᠲᠦᠮᠵᠢᠲᠡᠶ ᠠᠰᠢᠭᠯᠠᠬᠤ ᠵᠢ ᠠᠬᠢᠭᠤᠯᠤᠨ᠎ᠠ᠃ ᠰᠠᠭᠤᠷᠢ ᠰᠤᠳᠤᠯᠤᠯ᠎ᠢ ᠴᠢᠩᠭ᠋ᠠᠳᠬᠠᠨ᠂ ᠠᠩᠬᠠᠨ᠎ᠤ ᠡᠭᠦᠳᠦᠯᠲᠡ᠂ ᠬᠤᠷᠠᠮᠠᠯ ᠡᠭᠦᠳᠦᠯᠲᠡ ᠪᠠ ᠣᠷᠣᠭᠤᠯᠤᠨ ᠠᠪᠴᠢᠷᠠᠵᠤ ᠰᠢᠩᠭᠡᠭᠡᠨ ᠠᠪᠤᠭ᠋ᠠᠳ ᠳᠠᠬᠢᠨ ᠰᠢᠨ᠎ᠡ ᠵᠢ ᠡᠭᠦᠳᠬᠦ ᠵᠢ ᠴᠢᠩᠭ᠋ᠠᠳᠬᠠᠵᠦ᠂ ᠠᠳᠠᠯᠢ ᠠᠵᠢᠯ ᠲᠦᠷᠦᠯ᠎ᠤᠨ ᠮᠡᠷᠭᠡᠵᠢᠯ᠎ᠤᠨ ᠦᠨᠳᠦᠷ ᠲᠥᠪᠰᠢᠨ᠎ᠢ ᠡᠵᠡᠯᠡᠨ᠂ ᠣᠷᠣᠨ ᠪᠦᠰᠡ ᠵᠢᠨ ᠳᠠᠪᠠᠭᠤᠯᠢᠭ ᠣᠨᠴᠠᠯᠢᠭ ᠪᠦᠬᠦᠢ ᠠᠵᠤ ᠦᠢ᠍ᠯᠡᠰ᠎ᠤᠨ ᠲᠠᠪᠠᠯᠳᠠᠳᠤ ᠮᠠᠶᠢᠭ᠎ᠤᠨ ᠬᠥᠭᠵᠢᠯᠲᠡ ᠵᠢ ᠬᠥᠲᠥᠯᠥᠨ ᠳᠠᠭ᠋ᠠᠭᠤᠯᠬᠤ ᠪᠠ ᠲᠦᠯᠬᠢᠨ ᠠᠬᠢᠭᠤᠯᠤᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠪᠦᠬᠦ ᠣᠷᠣᠨ ᠪᠦᠰᠡ᠎ᠪᠠᠷ ᠵᠶ᠋ᠠᠨ ᠬᠠᠮᠵᠢᠯᠴᠠᠨ ᠰᠢᠨ᠎ᠡ ᠵᠢ ᠡᠭᠦᠳᠬᠦ ᠰᠢᠰᠲᠸᠮᠵᠢ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠣᠷᠣᠨ ᠪᠦᠰᠡ ᠵᠢᠨ ᠰᠢᠨ᠎ᠡ ᠵᠢ ᠡᠭᠦᠳᠬᠦ ᠬᠥᠭᠵᠢᠯᠲᠡ ᠵᠢᠨ ᠪᠠᠶ᠋ᠢᠷᠢᠰᠢᠯ᠎ᠢ ᠲᠣᠬᠢᠷᠠᠭᠤᠯᠤᠨ ᠰᠢᠯᠢᠳᠡᠭᠵᠢᠭᠦᠯᠵᠦ᠂ ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠰᠢᠨ᠎ᠡ ᠵᠢ ᠡᠭᠦᠳᠬᠦ ᠬᠠᠮᠲᠤ ᠵᠢᠨ ᠴᠣᠭᠴᠠ ᠪᠣᠯᠤᠨ ᠪᠦᠷᠢᠯᠳᠦᠬᠦ ᠵᠢ ᠠᠬᠢᠭᠤᠯᠤᠨ᠂ ᠰᠢᠨ᠎ᠡ ᠵᠢ ᠡᠭᠦᠳᠬᠦ ᠬᠥᠭᠵᠢᠯᠲᠡ ᠵᠢᠨ ᠤᠷᠬᠢᠯ᠎ᠢ ᠪᠣᠢ ᠪᠣᠯᠭ᠋ᠠᠨ᠎ᠠ᠃ ᠪᠣᠳᠠᠲᠠᠶ ᠠᠷᠭ᠎ᠠ ᠬᠡᠮᠵᠢᠶ᠎ᠡ᠎ᠨᠢ ᠭᠡᠪᠡᠯ ᠨᠢᠭᠡ᠎ᠳᠤ ᠣᠷᠣᠨ ᠪᠦᠰᠡ ᠵᠢᠨ ᠰᠢᠨ᠎ᠡ ᠵᠢ ᠡᠭᠦᠳᠬᠦ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠦᠨ᠎ᠡ; ᠬᠣᠶᠠᠷ᠎ᠲᠤ ᠣᠷᠣᠨ ᠪᠦᠰᠡ ᠵᠢᠨ ᠰᠢᠨ᠎ᠡ ᠵᠢ ᠡᠭᠦᠳᠬᠦ ᠰᠢᠰᠲᠸᠮᠵᠢ ᠵᠢ ᠪᠦᠷᠢᠨᠰᠢᠭᠦᠯᠦᠨ᠎ᠡ; ᠭᠤᠷᠪᠠ᠎ᠳᠤ ᠬᠠᠮᠵᠢᠯᠴᠠᠨ ᠰᠢᠨ᠎ᠡ ᠵᠢ ᠡᠭᠦᠳᠬᠦ ᠲᠤᠯᠭ᠋ᠠᠭᠤᠷᠢᠯᠠᠯ᠎ᠢ ᠪᠠᠳᠤᠳᠬᠠᠨ᠎ᠠ᠃
      ᠬᠥᠲᠥᠯᠥᠭᠴᠢ᠄
     《13 · 5》 ᠵᠢᠨ ᠬᠤᠭᠤᠴᠠᠭ᠋ᠠᠨ᠎ᠳᠤ ᠬᠥᠬᠡᠬᠣᠲᠠ ᠪᠤᠭᠤᠲᠤ ᠤᠷᠳᠤᠰ᠎ᠨᠢ ᠥᠭᠡᠷᠡᠴᠢᠯᠡᠯᠲᠡ ᠨᠡᠬᠡᠬᠡᠯᠲᠡ ᠵᠢ ᠬᠡᠷᠬᠢᠨ ᠬᠠᠮᠲᠤ᠎ᠪᠠᠷ ᠲᠦᠯᠬᠢᠨ ᠠᠬᠢᠭᠤᠯᠬᠤ ᠪᠤᠢ?
      ᠸᠸᠨ ᠮᠢᠨ᠄
      ᠬᠥᠬᠡᠬᠣᠲᠠ ᠪᠤᠭᠤᠲᠤ ᠤᠷᠳᠤᠰ᠎ᠤᠨ ᠣᠷᠣᠨ ᠪᠦᠰᠡ᠎ᠨᠢ ᠶᠡᠬᠡ ᠲᠠᠯ᠎ᠠ ᠵᠢᠨ ᠤᠬᠠᠮᠰᠠᠷ ᠪᠠ ᠪᠦᠬᠦ ᠲᠠᠯ᠎ᠠ ᠵᠢᠨ ᠦᠵᠡᠯᠲᠡ ᠵᠢ ᠪᠤᠢ ᠪᠣᠯᠭ᠋ᠠᠨ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠤᠯᠤᠰ᠎ᠤᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠬᠣᠷᠸ᠎ᠠ ᠲᠤᠬᠢᠷᠠᠭᠤᠯᠤᠯ ᠡᠵᠡᠮᠳᠡᠯ᠎ᠤᠨ ᠲᠣᠭᠲᠠᠴᠠ᠂ ᠡᠳ᠋᠎ᠤᠨ ᠵᠠᠰᠠᠭ ᠭᠠᠶ᠋ᠢᠯᠢ ᠲᠠᠲᠠᠪᠤᠷᠢ ᠵᠢᠨ ᠪᠠᠢ᠌ᠭᠤᠯᠤᠯ᠂ ᠭᠠᠳᠠᠭ᠋ᠠᠳᠤ ᠨᠡᠬᠡᠬᠡᠯᠲᠡ ᠵᠢᠨ ᠦᠢ᠍ᠯᠡᠴᠢᠯᠡᠭᠡᠨ ᠬᠢᠭᠡᠳ ᠬᠢᠨᠠᠠ ᠬᠠᠮᠢᠶᠠᠷᠬᠤ ᠬᠡᠪ ᠵᠠᠭᠪᠤᠷ᠎ᠤᠨ ᠥᠭᠡᠷᠡᠴᠢᠯᠡᠯᠲᠡ ᠵᠢ ᠭᠣᠣᠯᠳᠠᠯᠭ᠎ᠠ᠎ᠲᠠᠢ ᠲᠦᠯᠬᠢᠨ ᠠᠬᠢᠭᠤᠯᠵᠤ᠂ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠵᠢ ᠪᠦᠬᠦ ᠲᠠᠯ᠎ᠠ᠎ᠪᠠᠷ ᠪᠡᠶᠡᠯᠡᠭᠦᠯᠦᠨ᠎ᠡ᠃ ᠤᠯᠤᠰ᠎ᠠᠴᠠ 《ᠨᠢᠭᠡ ᠪᠦᠰᠡ ᠨᠢᠭᠡ ᠵᠠᠮ》᠎ᠤᠨ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠵᠦ ᠪᠠᠢ᠌ᠭ᠎ᠠ ᠴᠢᠬᠤᠯᠠ ᠶᠡᠬᠡ ᠲᠡᠦᠬᠡᠨ ᠠᠵᠠ ᠲᠣᠬᠢᠶᠠᠯ᠎ᠢ ᠠᠳᠬᠤᠨ᠂ ᠭᠠᠳᠠᠭ᠋ᠠᠳᠤ᠎ᠲᠠᠢ ᠴᠢᠯᠥᠭᠡᠲᠡᠶ ᠶᠠᠪᠤᠯᠴᠠᠬᠤ ᠠᠭᠤᠯᠤᠭᠳᠠᠬᠤᠨ᠎ᠢ ᠪᠠᠶᠠᠯᠢᠭᠵᠢᠭᠤᠯᠵᠤ᠂ ᠤᠯᠠᠨ ᠤᠯᠤᠰ᠎ᠤᠨ ᠳᠡᠳ᠋ ᠣᠷᠣᠨ ᠪᠦᠰᠡ ᠵᠢᠨ ᠬᠠᠮᠲᠤᠷᠠᠯᠴᠠᠭ᠎ᠠ ᠪᠠ ᠤᠯᠤᠰ᠎ᠤᠨ ᠳᠣᠲᠣᠭ᠋ᠠᠳᠤ ᠵᠢᠨ ᠭᠠᠵᠠᠷ ᠣᠷᠣᠨ᠎ᠤ ᠬᠣᠭᠣᠷᠣᠨᠳᠣᠬᠢ ᠰᠣᠯᠢᠯᠴᠠᠭ᠎ᠠ ᠬᠠᠮᠵᠢᠯᠴᠠᠭ᠎ᠠ ᠵᠢ ᠶᠡᠬᠡᠪᠡᠷ ᠠᠬᠢᠭᠤᠯᠤᠨ᠂ ᠬᠥᠬᠡᠬᠣᠲᠠ ᠪᠤᠭᠤᠲᠤ ᠤᠷᠳᠤᠰ᠎ᠤᠨ ᠣᠷᠣᠨ ᠪᠦᠰᠡ ᠵᠢᠨ ᠨᠡᠭᠡᠭᠡᠯᠲᠡᠲᠦ ᠬᠡᠯᠪᠡᠷᠢ ᠵᠢᠨ ᠠᠵᠤ ᠠᠬᠤᠶ ᠵᠢᠨ ᠬᠥᠭᠵᠢᠯᠲᠡ ᠵᠢᠨ ᠬᠢᠷᠢ ᠲᠥᠪᠰᠢᠨ᠎ᠢ ᠳᠡᠭᠡᠭᠰᠢᠯᠡᠭᠦᠯᠵᠦ᠂ ᠤᠯᠤᠰ᠎ᠤᠨ ᠳᠣᠲᠣᠭ᠋ᠠᠳᠤ ᠵᠢᠨ ᠪᠠ ᠤᠯᠠᠨ ᠤᠯᠤᠰ᠎ᠤᠨ ᠴᠢᠬᠤᠯᠠ ᠡᠯᠧᠮᠧᠨ᠋ᠲ᠎ᠢ ᠡᠮᠬᠢ ᠵᠢᠷᠤᠮ᠎ᠲᠠᠢ ᠡᠷᠭᠢᠯᠳᠦᠭᠦᠯᠬᠦ᠂ ᠡᠬᠢ ᠪᠠᠶᠠᠯᠢᠭ᠎ᠢ ᠥᠨᠳᠥᠷ ᠪᠦᠲᠦᠮᠵᠢᠲᠡᠶ ᠲᠣᠬᠢᠷᠠᠭᠤᠯᠬᠤ᠂ ᠵᠠᠬ᠎ᠠ ᠳᠡᠯᠭᠡᠭᠦᠷ᠎ᠢ ᠭᠦᠨᠵᠡᠭᠡᠶ ᠨᠡᠢ᠌ᠯᠡᠭᠦᠯᠬᠦ ᠵᠢ ᠠᠬᠢᠭᠤᠯᠵᠤ᠂ ᠬᠥᠬᠡᠬᠣᠲᠠ ᠪᠤᠭᠤᠲᠤ ᠤᠷᠳᠤᠰ᠎ᠤᠨ ᠭᠠᠵᠠᠷ ᠣᠷᠣᠨ᠎ᠢ ᠮᠠᠨ᠎ᠤ ᠣᠷᠣᠨ᠎ᠤ 《ᠤᠮᠠᠷᠠᠰᠢ ᠨᠡᠭᠡᠭᠡᠯᠲᠡ》 ᠵᠢᠨ ᠲᠥᠪ ᠪᠠ ᠤᠯᠤᠰ᠎ᠤᠨ ᠳᠣᠲᠣᠭ᠋ᠠᠳᠤ ᠵᠢᠨ ᠬᠠᠮᠵᠢᠯᠴᠠᠭ᠋ᠠᠨ᠎ᠤ ᠬᠦᠢ᠍ᠰᠦ ᠪᠣᠯᠭ᠋ᠠᠨ ᠪᠠᠢ᠌ᠭᠤᠯᠬᠤ᠎ᠪᠠᠷ ᠴᠢᠷᠮᠠᠢ᠌ᠨ᠎ᠠ᠃ ᠪᠣᠳᠠᠲᠠᠶ ᠠᠷᠭ᠎ᠠ ᠬᠡᠮᠵᠢᠶ᠎ᠡ᠎ᠨᠢ ᠭᠡᠪᠡᠯ ᠨᠢᠭᠡ᠎ᠳᠤ ᠤᠯᠠᠨ ᠬᠦᠷᠢᠶᠡᠨ᠎ᠳᠠᠬᠢ ᠥᠭᠡᠷᠡᠴᠢᠯᠡᠯᠲᠡ ᠵᠢᠨ ᠠᠬᠢᠴᠠ ᠵᠢ ᠲᠦᠷᠭᠡᠳᠬᠡᠨ᠎ᠡ; ᠬᠣᠶᠠᠷ᠎ᠲᠤ ᠤᠯᠠᠨ ᠳᠡᠰ ᠳᠠᠪᠬᠤᠷᠭ᠎ᠠ ᠪᠦᠬᠦᠢ ᠨᠡᠭᠡᠭᠡᠯᠲᠡ ᠵᠢᠨ ᠬᠠᠮᠲᠤᠷᠠᠯᠴᠠᠭ᠋ᠠᠨ᠎ᠤ ᠰᠢᠨ᠎ᠡ ᠬᠡᠪ ᠪᠠᠢ᠌ᠳᠠᠯ᠎ᠢ ᠪᠤᠢ ᠪᠣᠯᠭ᠋ᠠᠨ᠎ᠠ᠃
      ᠬᠥᠲᠥᠯᠥᠭᠴᠢ᠄
     《13 · 5》 ᠵᠢᠨ ᠬᠤᠭᠤᠴᠠᠭ᠋ᠠᠨ᠎ᠳᠤ ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠬᠥᠭᠵᠢᠭᠦᠯᠬᠦ ᠵᠢ ᠬᠡᠷᠬᠢᠨ ᠪᠠᠲᠤᠯᠠᠬᠤ ᠪᠤᠢ?
      ᠸᠸᠨ ᠮᠢᠨ᠄
      ᠨᠢᠭᠡ᠎ᠳᠤ ᠬᠠᠮᠵᠢᠯᠴᠠᠨ ᠬᠥᠭᠵᠢᠭᠦᠯᠬᠦ ᠠᠵᠢᠯ᠎ᠤᠨ ᠤᠳᠤᠷᠢᠳᠬᠤ ᠪᠠᠶ᠋ᠢᠭᠤᠯᠤᠯ᠎ᠢ ᠰᠢᠨᠡᠴᠢᠯᠡᠨ᠎ᠡ᠃ ᠥᠪᠡᠷᠲᠡᠭᠡᠨ ᠵᠠᠰᠠᠬᠤ ᠣᠷᠣᠨ ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠬᠥᠭᠵᠢᠭᠦᠯᠬᠦ ᠵᠢ ᠲᠦᠯᠬᠢᠨ ᠠᠬᠢᠭᠤᠯᠬᠤ ᠤᠳᠤᠷᠢᠳᠬᠤ ᠳᠤᠭᠤᠶ᠋ᠢᠯᠠᠩ ᠪᠠᠢ᠌ᠭᠤᠯᠤᠨ᠂ ᠬᠥᠬᠡᠬᠣᠲᠠ ᠪᠤᠭᠤᠲᠤ ᠤᠷᠳᠤᠰ ᠬᠣᠯᠪᠤᠭ᠋ᠠᠲᠤ ᠬᠤᠷᠠᠯ᠎ᠤᠨ ᠲᠥᠷᠢᠮ᠎ᠢ ᠪᠠᠢ᠌ᠭᠤᠯᠵᠤ᠂ ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠬᠥᠭᠵᠢᠭᠦᠯᠬᠦ ᠳᠦᠷᠢᠮ᠎ᠢ ᠲᠣᠭᠲᠠᠭ᠋ᠠᠨ᠎ᠠ; ᠬᠣᠶᠠᠷ᠎ᠲᠤ ᠬᠠᠮᠵᠢᠯᠴᠠᠨ ᠬᠥᠭᠵᠢᠭᠦᠯᠬᠦ ᠵᠢ ᠠᠬᠢᠭᠤᠯᠬᠤ ᠲᠣᠭᠲᠠᠴᠠ ᠵᠢ ᠪᠠᠢ᠌ᠭᠤᠯᠤᠨ᠎ᠠ᠃ ᠬᠥᠬᠡᠬᠣᠲᠠ ᠪᠤᠭᠤᠲᠤ ᠤᠷᠳᠤᠰ᠎ᠤᠨ ᠭᠤᠷᠪᠠᠨ ᠬᠤᠳᠠ ᠵᠢᠨ ᠰᠠᠯᠠᠭ᠎ᠠ ᠮᠦᠴᠢᠷ᠎ᠤᠨ ᠬᠠᠮᠲᠤᠷᠠᠨ ᠵᠦᠪᠳᠡᠯᠴᠡᠬᠦ ᠲᠣᠭᠲᠠᠴᠠ ᠵᠢ ᠪᠠᠶ᠋ᠢᠭᠤᠯᠤᠨ᠂ 《ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠬᠦᠭᠵᠢᠭᠦᠯᠬᠦ ᠲᠤᠰᠬᠠᠶ ᠬᠠᠮᠲᠤᠷᠠᠨ ᠠᠵᠢᠯᠯᠠᠬᠤ ᠳᠤᠭᠤᠶ᠋ᠢᠯᠠᠩ》᠎ᠢ ᠡᠳᠦᠢ ᠲᠡᠳᠦᠢ ᠪᠠᠶ᠋ᠢᠭᠤᠯᠵᠤ᠂ ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠬᠥᠭᠵᠢᠭᠦᠯᠬᠦ ᠠᠵᠢᠯ᠎ᠤᠨ ᠲᠤᠰᠬᠠᠶ ᠮᠡᠷᠭᠡᠵᠢᠯᠲᠡᠨ᠎ᠤ ᠵᠥᠪᠯᠡᠯᠭᠡ ᠥᠭᠬᠦ ᠺᠣᠮᠢᠰ᠎ᠢ ᠪᠠᠢ᠌ᠭᠤᠯᠤᠨ᠂ ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠬᠦᠭᠵᠢᠭᠦᠯᠬᠦ ᠵᠢᠨ ᠬᠠᠮᠲᠤᠷᠠᠯᠴᠠᠭ᠋ᠠᠨ᠎ᠤ ᠮᠡᠳᠡᠭᠡ ᠵᠠᠩᠭᠢ ᠵᠢᠨ ᠨᠡᠪᠲᠡᠷᠡᠯᠴᠡᠭᠡ ᠬᠢᠭᠡᠳ ᠰᠣᠯᠢᠯᠴᠠᠬᠤ ᠲᠠᠪᠴᠠᠩ᠎ᠢ ᠪᠠᠢ᠌ᠭᠤᠯᠵᠤ᠂ ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠬᠥᠭᠵᠢᠭᠦᠯᠬᠦ ᠪᠡᠯᠡ ᠮᠦᠩᠭᠦᠨ᠎ᠤ ᠪᠠᠲᠤᠯᠠᠭ᠎ᠠ ᠵᠢᠨ ᠲᠣᠭᠲᠠᠴᠠ ᠵᠢ ᠪᠠᠢ᠌ᠭᠤᠯᠤᠨ᠎ᠠ; ᠭᠤᠷᠪᠠ᠎ᠳᠤ ᠬᠠᠮᠢᠶ᠎ᠠ ᠪᠦᠬᠦᠢ ᠪᠠᠶ᠋ᠢᠭᠤᠯᠤᠯ᠎ᠤᠨ ᠲᠦᠷᠦ ᠵᠢᠨ ᠪᠤᠳᠤᠯᠭ᠎ᠠ ᠵᠢ ᠲᠣᠬᠢᠷᠠᠭᠤᠯᠤᠨ᠎ᠠ᠃ ᠡᠳ᠋᠎ᠤᠨ ᠵᠠᠰᠠᠭ ᠭᠠᠶ᠋ᠢᠯᠢ ᠵᠢᠨ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠨ ᠪᠦᠷᠢᠨᠰᠢᠭᠦᠯᠵᠦ᠂ ᠪᠤᠰᠤᠳ ᠲᠦᠷᠦ ᠵᠢᠨ ᠪᠤᠳᠤᠯᠭ᠎ᠠ ᠵᠢ ᠦᠭᠡᠷᠡᠴᠢᠯᠡᠬᠦ ᠪᠠ ᠲᠣᠬᠢᠷᠠᠭᠤᠯᠤᠨ᠂ ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠬᠦᠭᠵᠢᠭᠦᠯᠬᠦ ᠵᠢ ᠦᠨᠡᠯᠡᠬᠦ᠂ ᠤᠬᠠᠭᠤᠯᠬᠤ ᠪᠠ ᠰᠢᠯᠭ᠋ᠠᠨ ᠬᠢᠨᠠᠬᠤ ᠰᠢᠰᠲᠸᠮᠵᠢ ᠵᠢ ᠪᠠᠢ᠌ᠭᠤᠯᠤᠨ ᠪᠦᠷᠢᠨᠰᠢᠭᠦᠯᠦᠨ᠎ᠡ᠃
    ᠬᠥᠲᠥᠯᠥᠭᠴᠢ᠄
      ᠵᠠ ᠰᠡᠢ᠍ᠢ᠍ᠠ ᠪᠣᠯᠤᠯ᠎ᠠ᠂ ᠸᠸᠨ ᠡᠷᠬᠢᠯᠡᠭᠴᠢ ᠵᠢᠨ ᠬᠠᠯᠠᠰᠢᠷᠠᠯ ᠦᠭᠡᠢ ᠲᠠᠢ᠌ᠯᠪᠤᠷᠢᠯᠠᠭᠰᠠᠨ᠎ᠳᠤ ᠮᠠᠰᠢ ᠲᠠᠯᠠᠷᠬᠠᠵᠤ ᠪᠠᠶ᠋ᠢᠨ᠎ᠠ᠂ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠦᠨᠳᠦᠷᠯᠡᠯ᠎ᠡ᠂ ᠳᠠᠷᠠᠭ᠋ᠠᠴᠢ ᠵᠢᠨ ᠫᠷᠦᠭᠷᠮ ᠵᠶ᠋ᠠᠷ ᠪᠠᠶᠠᠷᠲᠠᠶ ᠵᠤᠯᠭ᠋ᠠᠶ᠎ᠠ!

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ ᠡᠷᠳᠡᠨᠢ ᠰᠢᠰᠢ ᠵᠢᠨ ᠲᠠᠷᠢᠮᠠᠯ᠎ᠤᠨ ᠪᠦᠲᠦᠴᠡ᠎ᠳᠤ ᠲᠣᠬᠢᠷᠠᠭᠤᠯᠤᠯᠲᠠ ᠬᠢᠪᠡ
ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠵᠢ ᠪᠦᠬᠦ ᠲᠠᠯ᠎ᠠ᠎ᠪᠠᠷ ᠬᠡᠷᠡᠭᠵᠢᠭᠦᠯᠵᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠳᠤᠮᠳᠠ ᠨᠡᠮᠡᠭᠳᠡᠯ᠎ᠢ ᠲᠣᠭᠲᠠᠪᠤᠷᠢᠵᠢᠭᠤᠯᠵᠤ ᠪᠦᠲᠦᠴᠡ᠎ᠳᠤ ᠲᠣᠬᠢᠷᠠᠭᠤᠯᠤᠯᠲᠠ ᠬᠢᠵᠦ ᠬᠥᠳᠡᠯᠭᠡᠬᠦ ᠴᠢᠳᠠᠪᠬᠢ ᠵᠢ ᠨᠡᠮᠡᠭᠳᠡᠭᠦᠯᠦᠨ᠎ᠡ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ᠎ᠢ ᠲᠡᠮᠳᠡᠭᠯᠡᠬᠦ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ》 ᠵᠢᠨ ᠲᠠᠶ᠋ᠢᠯᠤᠮᠵᠢ
ᠲᠠᠷᠢᠶᠠᠯᠠᠩ ᠮᠠᠯ ᠠᠵᠤ ᠠᠬᠤᠶ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠶᠡᠬᠡᠪᠡᠷ ᠠᠬᠢᠭᠤᠯᠵᠤ ᠪᠣᠬᠢᠷᠲᠤᠯ ᠦᠭᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠦᠢ᠍ᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭ᠋ᠠᠬᠤ ᠰᠠᠭᠤᠷᠢᠨ ᠭᠠᠵᠠᠷ᠎ᠤᠨ ᠪᠥᠳᠥᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠶ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《13· 5》 ᠵᠢᠨ ᠲᠥᠯᠥᠪᠵᠢᠭᠦᠯᠭᠡ ᠵᠢᠨ 《ᠬᠥᠲᠥᠯᠪᠦᠷᠢ》 ᠵᠢᠨ ᠲᠠᠶ᠋ᠢᠯᠤᠮᠵᠢ
 
            