ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠰᠢᠨ᠎ᠡ ᠵᠢ ᠡᠭᠦᠳᠬᠦ ᠵᠣᠬᠢᠴᠠᠩᠭᠤᠢ ᠪᠣᠬᠢᠷᠳᠤᠯ ᠦᠭᠡᠢ ᠨᠡᠭᠡᠭᠡᠯᠲᠡ᠎ᠲᠠᠢ ᠪᠦᠭᠡᠳ ᠬᠠᠮᠲᠤ᠎ᠪᠠᠷ ᠬᠦᠷᠲᠡᠬᠦ ᠬᠥᠳᠡᠭᠡ ᠠᠵᠤ ᠠᠬᠤᠶ ᠵᠢᠨ ᠬᠥᠭᠵᠢᠯᠲᠡ ᠵᠢᠨ ᠶᠡᠬᠡ ᠪᠠᠶ᠋ᠢᠷᠢᠰᠢᠯ᠎ᠢ ᠪᠠᠢ᠌ᠭᠤᠯᠤᠶ᠎ᠠ
ᠨᠡᠶ᠋ᠢᠲᠡᠯᠡᠭᠰᠡᠨ ᠴᠠᠭ᠄ 2016-07-19

      ᠰᠤᠷᠪᠤᠯᠵᠢᠯᠠᠭᠰᠠᠨ ᠴᠠᠭ᠄
     2016 ᠤᠨ᠎ᠤ 7 ᠳ᠋ᠤᠭ᠋ᠠᠷ ᠰᠠᠷ᠎ᠠ ᠵᠢᠨ 4᠎ᠤ ᠡᠳᠦᠷ᠎ᠤᠨ ᠦᠳᠡ ᠵᠢᠨ ᠡᠮᠦᠨᠡᠬᠢ 10 ᠴᠠᠭ
      ᠰᠤᠷᠪᠤᠯᠵᠢᠯᠠᠭᠰᠠᠨ ᠵᠤᠴᠢᠨ᠄
      ᠤᠯᠠᠭ᠋ᠠᠨᠬᠠᠳᠠ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠲᠤᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢ ᠽᠢ ᠰᠢᠤᠸᠠᠢ
      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
      ᠣᠶ᠋ᠢᠷ᠎ᠠ᠎ᠳᠤ᠂ ᠪᠢᠳᠡ ᠤᠯᠠᠭ᠋ᠠᠨᠬᠠᠳᠠ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠲᠤᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢ ᠽᠢ ᠰᠢᠤᠸᠠᠢ ᠵᠢ ᠤᠷᠢᠵᠤ᠂ 《ᠰᠢᠨ᠎ᠡ ᠵᠢ ᠡᠭᠦᠳᠬᠦ ᠵᠣᠬᠢᠴᠠᠩᠭᠤᠢ ᠪᠣᠬᠢᠷᠳᠤᠯ ᠦᠭᠡᠢ ᠨᠡᠭᠡᠭᠡᠯᠲᠡ᠎ᠲᠠᠢ ᠪᠦᠭᠡᠳ ᠬᠠᠮᠲᠤ᠎ᠪᠠᠷ ᠬᠦᠷᠲᠡᠬᠦ ᠬᠥᠳᠡᠭᠡ ᠠᠵᠤ ᠠᠬᠤᠶ ᠵᠢᠨ ᠬᠥᠭᠵᠢᠯᠲᠡ ᠵᠢᠨ ᠶᠡᠬᠡ ᠪᠠᠶ᠋ᠢᠷᠢᠰᠢᠯ᠎ᠢ ᠪᠠᠢ᠌ᠭᠤᠯᠤᠶ᠎ᠠ》 ᠬᠡᠰᠡᠨ ᠰᠡᠳᠦᠪ ᠵᠶ᠋ᠠᠷ ᠲᠠ ᠨᠠᠷ᠎ᠲᠠᠢ ᠶᠠᠷᠢᠯᠴᠠᠬᠤ ᠪᠤᠯᠤᠨ᠎ᠠ᠃ ᠥᠷᠭᠡᠨ ᠣᠯᠠᠨ ᠰᠦᠯᠵᠢᠶᠡᠨ ᠠᠨᠳᠠ ᠨᠠᠷ ᠲᠤᠬᠠᠶ ᠵᠢᠨ ᠴᠠᠭ᠎ᠲᠤ ᠢᠳᠡᠪᠬᠢᠲᠡᠶ ᠤᠷᠤᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ!


      ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ


      ᠬᠥᠲᠥᠯᠥᠭᠴᠢ᠄
      ᠰᠦᠯᠵᠢᠶᠡᠨ ᠠᠨᠳᠠ ᠨᠠᠷ᠂ ᠰᠠᠢ᠍ᠢ᠍ᠨ ᠪᠠᠢ᠌ᠵᠠᠭ᠋ᠠᠨ᠎ᠠ ᠤᠤ!   ᠦᠨᠦᠳᠦᠷ ᠪᠢᠳᠡ ᠤᠯᠠᠭ᠋ᠠᠨᠬᠠᠳᠠ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢ ᠽᠢ ᠰᠢᠤᠸᠠᠢ ᠵᠢ ᠤᠷᠢᠵᠤ ᠲᠠ ᠨᠠᠷ᠎ᠲᠠᠢ ᠶᠠᠷᠢᠯᠴᠠᠭᠤᠯᠬᠤ ᠪᠤᠯᠤᠯ᠎ᠠ᠃ ᠯᠢ ᠲᠤᠪᠴᠢᠶᠠᠨ ᠳᠠᠷᠤᠭ᠎ᠠ ᠡ᠂ ᠰᠠᠶ᠋ᠢᠨ ᠤᠤ!  
      ᠯᠢ ᠽᠢ ᠰᠢᠤᠸᠠᠢ᠄
      ᠬᠥᠲᠥᠯᠥᠭᠴᠢ ᠰᠠᠢ᠌ᠨ ᠤᠤ! ᠲᠠᠨᠠᠷ ᠰᠠᠢ᠌ᠨ ᠪᠠᠢ᠌ᠵᠠᠭ᠋ᠠᠨ᠎ᠠ ᠤᠤ!
      ᠬᠥᠲᠥᠯᠥᠭᠴᠢ᠄
      ᠣᠶ᠋ᠢᠷ᠎ᠠ ᠵᠢᠨ ᠵᠢᠯ᠎ᠤᠳ᠎ᠠᠴᠠ ᠨᠠᠰᠢ᠂ ᠤᠯᠠᠭ᠋ᠠᠨᠬᠠᠳᠠ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠮᠥᠴᠢᠷ᠎ᠤᠳ ᠬᠤᠳᠠ ᠵᠢᠨ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠲᠤᠬᠢᠷᠠᠭᠤᠯᠤᠯᠲᠠ ᠪᠤᠯᠤᠨ ᠪᠠᠢ᠌ᠷᠢᠯᠠᠭᠤᠯᠤᠯᠲᠠ ᠵᠢ ᠬᠢᠨᠠᠮᠠᠭ᠋ᠠᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠵᠢᠨ ᠣᠳᠣᠬᠢᠴᠢᠯᠠᠯᠲᠠ ᠵᠢ ᠬᠦᠭᠵᠢᠬᠦᠯᠬᠦ᠎ᠪᠠᠷ ᠲᠡᠷᠢᠭᠦᠨ ᠴᠢᠬᠤᠯᠠ ᠡᠭᠦᠷᠭᠡ ᠪᠣᠯᠭ᠋ᠠᠵᠤ᠂ ᠲᠠᠷᠢᠶᠠᠯᠠᠩ ᠮᠠᠯ ᠠᠵᠤ ᠠᠬᠤᠶ ᠵᠢᠨ ᠭᠠᠷᠤᠯᠲᠠ ᠪᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ᠂ ᠮᠠᠯᠴᠢᠨ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ᠎ᠪᠠᠷ ᠬᠠᠷᠠᠯᠲᠠ ᠪᠣᠯᠭ᠋ᠠᠵᠤ᠂ ᠲᠠᠷᠢᠶᠠᠯᠠᠩ ᠮᠠᠯ ᠠᠵᠤ ᠠᠬᠤᠶ ᠵᠢᠨ ᠠᠵᠢᠯ᠎ᠢ ᠵᠢᠯ᠎ᠠᠴᠠ ᠵᠢᠯ ᠰᠢᠨ᠎ᠡ ᠳᠡᠭᠲᠡᠷ᠎ᠲᠤ ᠭᠠᠷᠭ᠋ᠠᠪᠠ᠃ 2015 ᠣᠨ ᠪᠤᠯᠤᠨ 《12·5》 ᠵᠢᠨ ᠬᠤᠭᠤᠴᠠᠭ᠋ᠠᠨ᠎ᠳᠤ ᠤᠯᠠᠭ᠋ᠠᠨᠬᠠᠳᠠ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠠᠵᠢᠯ᠎ᠳᠤ ᠶᠠᠮᠠᠷ ᠶᠠᠮᠠᠷ ᠠᠮᠵᠢᠯᠲᠠ ᠣᠯᠤᠭᠰᠠᠨ᠎ᠢ ᠪᠢᠳᠡᠨ᠎ᠲᠠᠢ ᠬᠤᠪᠢᠶᠠᠯᠴᠠᠬᠤ ᠦᠭᠡᠢ ᠤᠤ?
      ᠯᠢ ᠽᠢ ᠰᠢᠤᠸᠠᠢ᠄
     2015 ᠣᠨ ᠪᠣᠯ 《12·5》 ᠵᠢᠨ ᠡᠴᠦᠰ᠎ᠤᠨ ᠨᠢᠭᠡ ᠵᠢᠯ ᠪᠤᠯᠤᠨ᠎ᠠ᠂ ᠪᠦᠬᠦ ᠬᠣᠲᠠ ᠵᠢᠨ ᠡᠯ᠎ᠡ ᠱᠠᠲᠤᠨ᠎ᠤ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠮᠥᠴᠢᠷ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠬᠦᠴᠢᠷ ᠪᠡᠷᠭᠡᠰᠢᠶᠡᠯ᠎ᠢ ᠰᠦᠷᠦᠨ ᠤᠷᠤᠭᠰᠢᠯᠠᠵᠤ᠂ ᠰᠢᠨ᠎ᠡ ᠵᠢ ᠡᠭᠦᠳᠬᠦ ᠵᠢ ᠡᠷᠢᠯᠬᠢᠯᠡᠨ᠂ ᠯᠠᠪᠳᠠᠭᠤᠨ ᠪᠠᠲᠤᠲᠠᠶ ᠠᠵᠢᠯᠯᠠᠵᠤ᠂ ᠡᠯ᠎ᠡ ᠵᠦᠢ᠍ᠯ᠎ᠤᠨ ᠠᠵᠢᠯ᠎ᠤᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠪᠦᠬᠦ ᠬᠣᠲᠠ ᠵᠢᠨ ᠲᠠᠷᠢᠶᠠᠯᠠᠩ ᠮᠠᠯ ᠠᠵᠤ ᠠᠬᠤᠶ ᠲᠣᠭᠲᠠᠭᠤᠨ᠎ᠤ ᠳᠤᠮᠳᠠ ᠦᠭᠡᠳᠡᠯᠡᠵᠤ᠂ ᠶᠠᠰᠤ ᠴᠢᠨᠠᠷ ᠵᠶ᠋ᠠᠨ ᠳᠡᠭᠡᠭᠰᠢᠯᠡᠭᠦᠯᠦᠨ᠂ ᠦᠷ᠎ᠡ ᠠᠰᠢᠭ ᠵᠶ᠋ᠠᠨ ᠨᠡᠮᠡᠭᠳᠡᠭᠦᠯᠬᠦ ᠵᠢ ᠲᠦᠯᠬᠢᠨ ᠠᠬᠢᠭᠤᠯᠵᠤ᠂ ᠪᠦᠬᠦ ᠬᠣᠲᠠ ᠵᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠶᠡᠬᠡ ᠲᠠᠯ᠎ᠠ ᠵᠢ ᠪᠠᠲᠤ ᠪᠡᠬᠢ ᠰᠠᠭᠤᠷᠢ ᠲᠠᠯᠪᠢᠵᠤ᠂ ᠬᠦᠴᠦᠲᠡᠶ ᠲᠦᠰᠢᠭ ᠲᠤᠯᠭ᠋ᠠᠭᠤᠷᠢ ᠪᠤᠯᠵᠤ᠂ 《12·5》 ᠵᠢ ᠲᠡᠭᠦᠰ ᠠᠮᠵᠢᠯᠲᠠ᠎ᠲᠠᠢ ᠦᠨᠳᠦᠷᠯᠡᠭᠦᠯᠪᠡ᠃
      ᠭᠣᠣᠯ ᠪᠣᠯᠬᠤ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠭᠠᠷᠤᠯᠲᠠ ᠦᠳᠲᠡᠷ ᠲᠦᠷᠭᠡᠨ ᠵᠶ᠋ᠠᠷ ᠨᠡᠮᠡᠭᠳᠡᠪᠡ᠃ 《12·5》 ᠵᠢᠨ ᠬᠤᠭᠤᠴᠠᠭ᠋ᠠᠨ᠎ᠳᠤ᠂ ᠤᠯᠠᠭ᠋ᠠᠨᠬᠠᠳᠠ ᠬᠣᠲᠠ ᠵᠢᠨ ᠭᠣᠣᠯ ᠪᠣᠯᠬᠤ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠪᠦᠬᠦ ᠲᠠᠯ᠎ᠠ᠎ᠪᠠᠷ ᠡᠯᠪᠡᠭ ᠬᠤᠷᠢᠶᠠᠯᠲᠠ ᠤᠯᠪᠠ᠃ 2015 ᠣᠨ᠎ᠤ ᠪᠦᠬᠦ ᠬᠣᠲᠠ ᠵᠢᠨ ᠠᠮᠤ ᠪᠤᠳᠠᠭ᠋ᠠᠨ᠎ᠤ ᠶᠡᠷᠦᠩᠬᠡᠶ ᠤᠨᠠᠯᠲᠠ᠎ᠨᠢ 103.2 ᠳ᠋ᠦᠩᠰᠢᠭᠤᠷ ᠵᠢᠩ᠎ᠳᠤ ᠬᠦᠷᠴᠦ᠂ ᠲᠦᠷᠪᠡᠨ ᠵᠢᠯ ᠳᠠᠷᠠᠭ᠋ᠠᠯᠠᠨ 100 ᠳ᠋ᠦᠨᠭᠰᠢᠭᠤᠷ ᠵᠢᠩ᠎ᠢ ᠲᠣᠭᠲᠠᠭᠤᠨ ᠵᠶ᠋ᠠᠷ ᠳᠠᠪᠠᠵᠤ᠂ 《11·5》 ᠵᠢᠨ ᠬᠤᠭᠤᠴᠠᠭ᠋ᠠᠨ᠎ᠤ᠎ᠬᠢ᠎ᠠᠴᠠ 32.2 ᠳ᠋ᠦᠨᠭᠰᠢᠭᠤᠷ ᠵᠢᠩ ᠨᠡᠮᠡᠭᠳᠡᠵᠦ᠂ 45.3%᠎ᠪᠠᠷ ᠨᠡᠮᠡᠭᠳᠡᠨ᠂ ᠤᠯᠠᠭ᠋ᠠᠨᠬᠠᠳᠠ ᠬᠣᠲᠠ ᠭᠤᠷᠪᠠᠨ ᠵᠢᠯ ᠳᠠᠷᠠᠭ᠋ᠠᠯᠠᠨ 《ᠤᠯᠤᠰ᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠲᠡᠷᠢᠭᠦᠨ᠎ᠤ ᠬᠣᠲᠠ》᠎ᠪᠠᠷ ᠦᠨᠡᠯᠡᠭᠳᠡᠪᠡ᠃ 2015 ᠤᠨ᠎ᠤ 6 ᠳ᠋ᠤᠭ᠋ᠠᠷ ᠰᠠᠷ᠎ᠠ ᠵᠢᠨ ᠡᠴᠦᠰ᠎ᠲᠤ ᠭᠡᠷ᠎ᠤᠨ ᠲᠡᠵᠢᠭᠡᠪᠦᠷᠢ 2285 ᠲᠦᠮᠡᠨ ᠲᠤᠯᠤᠭ᠋ᠠᠢ᠎ᠳᠤ ᠬᠦᠷᠴᠦ᠂ 《11·5》 ᠵᠢᠨ ᠬᠤᠭᠤᠴᠠᠭ᠋ᠠᠨ᠎ᠤ ᠡᠴᠦᠰ᠎ᠠᠴᠠ 585 ᠲᠦᠮᠡᠨ ᠲᠤᠯᠤᠭ᠋ᠠᠢ ᠨᠡᠮᠡᠭᠳᠡᠵᠤ᠂ 34.4%᠎ᠪᠠᠷ ᠨᠡᠮᠡᠭᠳᠡᠨ᠂ 10 ᠵᠢᠯ ᠳᠠᠷᠠᠭ᠋ᠠᠯᠠᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠳᠤ ᠤᠷᠤᠪᠠ᠃
      ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠬᠢᠭᠡᠳ ᠪᠥᠳᠥᠭᠡᠨ ᠪᠠᠶ᠋ᠢᠭᠤᠯᠤᠯᠲᠠ ᠢᠯᠡᠳᠲᠡ ᠦᠷ᠎ᠡ   ᠪᠦᠲᠦᠭᠡᠯ ᠤᠯᠪᠠ᠃ ᠡᠬᠡ ᠤᠯᠤᠰ᠎ᠤᠨ ᠤᠮᠠᠷᠠᠲᠤ ᠬᠢᠯᠢ ᠵᠢᠨ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠶ᠋ᠢᠭᠤᠯᠬᠤ᠎ᠪᠠᠷ ᠭᠣᠣᠯᠯᠠᠭᠤᠯᠤᠨ᠂ ᠨᠤᠲᠤᠭ ᠪᠡᠯᠴᠢᠭᠡᠷ᠎ᠤᠨ ᠪᠦᠳᠦᠭᠡᠨ ᠪᠠᠶ᠋ᠢᠭᠤᠯᠤᠯᠲᠠ ᠪᠠ ᠦᠨᠳᠦᠰᠦᠨ ᠨᠤᠲᠤᠭ ᠪᠡᠯᠴᠢᠭᠡᠷ᠎ᠢ ᠬᠠᠮᠠᠭ᠋ᠠᠯᠠᠬᠤ ᠠᠵᠢᠯ᠎ᠢ ᠶᠡᠬᠡᠪᠡᠷ ᠥᠷᠨᠢᠭᠦᠯᠵᠦ᠂ ᠲᠠᠷᠢᠶᠠᠯᠠᠭ᠎ᠠ ᠵᠢ ᠵᠣᠭᠰᠣᠭ᠋ᠠᠵᠤ ᠤᠢ ᠰᠢᠭᠤᠶ ᠵᠢ ᠰᠡᠷᠭᠦᠭᠡᠬᠦ᠂   ᠮᠠᠯᠵᠢᠯ᠎ᠢ ᠵᠣᠭᠰᠣᠭ᠋ᠠᠵᠤ ᠡᠪᠡᠰᠦ ᠪᠡᠯᠴᠢᠭᠡᠷ᠎ᠢ ᠰᠡᠷᠭᠦᠭᠡᠬᠦ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠰᠤᠷᠪᠤᠯᠵᠢ ᠵᠢ ᠵᠠᠰᠠᠬᠤ ᠵᠡᠷᠭᠡ ᠠᠮᠢ ᠠᠬᠤᠶ ᠵᠢᠨ ᠪᠦᠳᠦᠭᠡᠨ ᠪᠠᠶ᠋ᠢᠭᠤᠯᠤᠯᠲᠠ ᠵᠢᠨ ᠢᠨᠵᠸᠨ᠋ᠸᠷᠢᠨᠭ᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂   ᠪᠢᠲᠡᠭᠦᠮᠵᠢᠯᠡᠨ ᠪᠤᠢ᠌ᠵᠢᠭᠤᠯᠵᠤ ᠪᠡᠯᠴᠢᠭᠡᠷᠯᠡᠭᠦᠯᠬᠦ ᠵᠢ ᠬᠤᠷᠢᠬᠤ᠂ ᠪᠡᠯᠴᠢᠭᠡᠷ᠎ᠢ ᠥᠨᠵᠢᠭᠦᠯᠬᠦ᠂ ᠪᠡᠯᠴᠢᠭᠡᠷ᠎ᠢ ᠬᠡᠰᠡᠭᠯᠡᠵᠦ ᠰᠡᠯᠭᠦᠨ ᠮᠠᠯᠵᠢᠬᠤ ᠵᠡᠷᠭᠡ ᠪᠦᠲᠦᠮᠵᠢᠲᠡᠶ ᠬᠠᠮᠠᠭ᠋ᠠᠯᠠᠬᠤ ᠠᠷᠭ᠎ᠠ ᠬᠡᠮᠵᠢᠶ᠎ᠡ ᠠᠪᠤᠭᠰᠠᠨ᠎ᠠᠴᠠ᠂ ᠪᠦᠬᠦ ᠬᠣᠲᠠ ᠵᠢᠨ ᠨᠤᠲᠤᠭ ᠪᠡᠯᠴᠢᠭᠡᠷ᠎ᠤᠨ ᠠᠮᠢ ᠠᠬᠤᠶ ᠵᠢᠨ ᠣᠷᠴᠢᠨ ᠨᠥᠬᠥᠴᠡᠯ ᠤᠯᠠᠮ ᠨᠢᠭᠡ ᠠᠯᠬᠤᠮ ᠰᠠᠶ᠋ᠢᠵᠢᠷᠠᠪᠠ᠃ 《12·5》 ᠵᠢᠨ ᠬᠤᠭᠤᠴᠠᠭ᠋ᠠᠨ᠎ᠤ ᠡᠴᠦᠰ᠎ᠲᠤ᠂ ᠪᠦᠬᠦ ᠬᠣᠲᠠ ᠵᠢᠨ ᠪᠠᠶ᠋ᠢᠭ᠋ᠠᠯᠢ ᠵᠢᠨ ᠨᠤᠲᠤᠭ ᠪᠡᠯᠴᠢᠭᠡᠷ᠎ᠤᠨ ᠤᠷᠭᠤᠮᠠᠯ ᠬᠤᠴᠢᠯᠭ᠎ᠠ ᠵᠢᠨ ᠬᠡᠮᠵᠢᠶ᠎ᠡ 58.9%᠎ᠳᠤ ᠬᠦᠷᠴᠦ᠂ 《11·5》 ᠵᠢᠨ ᠬᠤᠭᠤᠴᠠᠭ᠋ᠠᠨ᠎ᠤ ᠡᠴᠦᠰ᠎ᠠᠴᠠ 28 ᠵᠠᠭᠤᠨ᠎ᠤ ᠴᠡᠭ ᠨᠡᠮᠡᠭᠳᠡᠭᠰᠡᠨ ᠪᠠᠶ᠋ᠢᠨ᠎ᠠ᠃
      ᠮᠠᠯᠴᠢᠨ ᠲᠠᠷᠢᠶᠠᠴᠢᠳ᠎ᠤᠨ ᠣᠷᠣᠯᠭ᠎ᠠ ᠦᠷᠭᠦᠯᠵᠢᠯᠡᠨ ᠨᠡᠮᠡᠭᠳᠡᠪᠡ᠃ 2015 ᠣᠨ᠎ᠳᠤ ᠤᠯᠠᠭ᠋ᠠᠨᠬᠠᠳᠠ ᠬᠣᠲᠠ ᠵᠢᠨ ᠮᠠᠯᠵᠢᠬᠤ ᠲᠠᠷᠢᠶᠠᠯᠠᠬᠤ ᠣᠷᠣᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠪᠦᠷᠢ ᠵᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 8812 ᠲᠥᠭᠥᠷᠢᠭ᠎ᠲᠤ ᠬᠦᠷᠴᠦ᠂ 《11·5》 ᠵᠢᠨ ᠬᠤᠭᠤᠴᠠᠭ᠋ᠠᠨ᠎ᠤ ᠡᠴᠦᠰ᠎ᠠᠴᠠ 1.9 ᠳᠠᠬᠢᠨ ᠳᠡᠭᠡᠭᠰᠢᠯᠡᠵᠤ᠂ ᠣᠷᠣᠯᠭ᠎ᠠ ᠵᠢᠨ ᠨᠡᠮᠡᠭᠳᠡᠯ᠎ᠤᠨ ᠬᠤᠷᠳᠤᠴᠠ᠎ᠨᠢ 4 ᠵᠢᠯ ᠳᠠᠷᠠᠭ᠋ᠠᠯᠠᠨ ᠬᠤᠳᠠ ᠪᠠᠯᠭ᠋ᠠᠰᠤᠨ᠎ᠤ ᠰᠠᠭᠤᠭ᠋ᠠᠯᠢ ᠠᠷᠠᠳ᠎ᠢ ᠳᠠᠪᠠᠵᠤ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠵᠥᠷᠢᠶ᠎ᠡ ᠦᠷᠬᠦᠯᠵᠢᠯᠡᠨ ᠪᠠᠭ᠋ᠠᠰᠪᠠ᠃
      ᠬᠥᠲᠥᠯᠥᠭᠴᠢ᠄
      ᠮᠠᠨ᠎ᠤ ᠮᠡᠳᠡᠵᠦ ᠪᠠᠢ᠌ᠬᠤ᠎ᠪᠠᠷ᠂ ᠤᠯᠠᠭ᠋ᠠᠨᠬᠠᠳᠠ ᠬᠣᠲᠠ ᠵᠢᠨ 《12᠂ 5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠲᠠᠷᠢᠶᠠᠯᠠᠩ ᠮᠠᠯ ᠠᠵᠤ ᠠᠬᠤᠶ ᠵᠢᠨ ᠲᠠᠯ᠎ᠠ᠎ᠪᠠᠷ᠎ᠬᠢ ᠨᠢᠭᠡᠨ ᠴᠢᠬᠤᠯᠠ ᠶᠡᠬᠡ ᠠᠷᠭ᠎ᠠ ᠬᠡᠮᠵᠢᠶ᠎ᠡ᠎ᠨᠢ ᠳᠠᠷᠤᠶ 《1571》 ᠢᠨᠵᠧᠨᠧᠷᠢᠩ᠎ᠢ ᠬᠡᠷᠡᠭᠵᠢᠭᠦᠯᠵᠡᠢ᠂ ᠡᠨᠡ ᠲᠠᠯ᠎ᠠ᠎ᠪᠠᠷ ᠶᠠᠮᠠᠷ ᠶᠠᠮᠠᠷ ᠠᠮᠵᠢᠯᠲᠠ ᠣᠯᠣᠭᠰᠠᠨ᠎ᠢ ᠲᠠᠨᠢᠯᠴᠠᠭᠤᠯᠤᠭ᠋ᠠᠳ ᠥᠭᠭᠦᠨ᠎ᠡ ᠦᠦ᠃
      ᠯᠢ ᠽᠢ ᠰᠢᠦᠸᠢ᠄
      ᠶᠡᠷᠦᠩᠬᠡᠶ᠎ᠳᠤᠨᠢ ᠠᠪᠴᠤ ᠬᠡᠯᠡᠪᠡᠯ᠂ ᠤᠯᠠᠭ᠋ᠠᠨᠬᠠᠳᠠ ᠬᠣᠲᠠ ᠵᠢᠨ 《1571》 ᠢᠨᠵᠧᠨᠧᠷᠢᠩ᠎ᠤᠨ ᠠᠬᠢᠴᠠ ᠲᠤᠩ ᠤᠷᠤᠭᠰᠢᠲᠠᠶ ᠪᠠᠢ᠌ᠵᠤ᠂ ᠲᠠᠷᠢᠶᠠᠯᠠᠩ ᠮᠠᠯ ᠠᠵᠤ ᠠᠬᠤᠶ ᠵᠢᠨ ᠰᠠᠭᠤᠷᠢ ᠪᠡᠯᠡᠳᠬᠡᠮᠵᠢ ᠤᠯᠠᠮ ᠨᠢᠭᠡ ᠠᠯᠬᠤᠮ ᠴᠢᠩᠭ᠋ᠠᠷᠠᠪᠠ᠃ 2015 ᠣᠨ᠎ᠤ ᠰᠡᠭᠦᠯᠴᠢ ᠪᠣᠯᠲᠠᠯ᠎ᠠ᠂ ᠪᠦᠬᠦ ᠬᠣᠲᠠ ᠵᠢᠨ ᠪᠦᠷᠬᠦᠪᠴᠢᠲᠦ ᠡᠷᠳᠡᠨᠢ ᠰᠢᠰᠢ ᠵᠢᠨ ᠳᠤᠰᠤᠯᠭ᠋ᠠᠨ ᠤᠰᠤᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢᠨ ᠲᠠᠯᠠᠪᠠᠢ᠎ᠨᠢ ᠨᠡᠢ᠍ᠢ᠍ᠳᠡ 516 ᠲᠦᠮᠡᠨ ᠮᠦ᠍᠎ᠳᠤ ᠬᠦᠷᠴᠦ᠂ ᠥᠨᠳᠥᠷ ᠤᠨᠠᠯᠲᠠ᠎ᠲᠠᠢ ᠪᠣᠯᠭ᠋ᠠᠬᠤ ᠮᠡᠷᠭᠡᠵᠢᠯ᠎ᠢ ᠲᠦᠷᠦᠯ ᠵᠦᠢ᠍ᠯ᠎ᠤᠨ ᠲᠣᠭᠣᠷᠢᠭ ᠪᠥᠬᠥᠨ᠎ᠳᠤ ᠬᠡᠷᠡᠭᠵᠢᠭᠦᠯᠪᠡ; ᠪᠡᠯᠡᠳᠬᠡᠮᠵᠢᠳᠦ ᠲᠠᠷᠢᠶᠠᠯᠠᠩ 111.7 ᠲᠦᠮᠡᠨ ᠮᠥ᠍᠎ᠳᠤ ᠬᠦᠷᠴᠦ᠂ ᠤᠰᠤ ᠠᠷᠪᠢᠯᠠᠵᠤ ᠤᠰᠤᠯᠠᠬᠤ ᠲᠠᠷᠢᠮᠠᠯ ᠪᠡᠯᠴᠢᠭᠡᠷ᠎ᠤᠨ ᠲᠠᠯᠠᠪᠠᠢ 136 ᠲᠦᠮᠡᠨ ᠮᠥ᠍᠎ᠳᠤ ᠬᠦᠷᠴᠦ᠂ ᠤᠰᠤ ᠠᠷᠪᠢᠯᠠᠬᠤ ᠵᠠᠳᠠᠭ᠋ᠠᠶ ᠭᠠᠵᠠᠷ᠎ᠤᠨ ᠢᠳᠡᠰᠢᠨ ᠨᠣᠭᠣᠭ᠎ᠠ᠂ ᠪᠦᠷᠬᠦᠪᠴᠢᠲᠦ ᠠᠮᠤ ᠪᠤᠳᠠᠭ᠎ᠠ ᠲᠠᠷᠢᠶᠠᠨ᠎ᠤ ᠳᠤᠰᠤᠯᠭ᠋ᠠᠨ ᠤᠰᠤᠯᠠᠯᠲᠠ ᠪᠠ ᠤᠰᠤ ᠠᠷᠪᠢᠯᠠᠬᠤ ᠲᠥᠮᠥᠰᠥᠨ ᠲᠠᠷᠢᠮᠠᠯ᠎ᠤᠨ ᠲᠠᠯᠠᠪᠠᠢ 126.8 ᠲᠦᠮᠡᠨ ᠮᠦ᠍᠎ᠳᠤ ᠬᠦᠷᠴᠡᠢ᠃
      ᠬᠥᠲᠥᠯᠥᠭᠴᠢ᠄
      ᠲᠣᠪᠴᠢᠶᠠᠨ ᠳᠠᠷᠤᠭ᠎ᠠ ᠲᠠ ᠤᠯᠠᠭ᠋ᠠᠨᠬᠠᠳᠠ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰᠵᠢᠭᠰᠡᠨ ᠡᠵᠡᠩᠨᠡᠯᠲᠡ ᠪᠠ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠳᠡᠯᠭᠡᠷᠡᠭᠦᠯᠦᠭᠰᠡᠨ ᠪᠠᠶ᠋ᠢᠳᠠᠯ᠎ᠢ ᠲᠠᠨᠢᠯᠴᠠᠭᠤᠯᠤᠭ᠋ᠠᠳ ᠥᠭᠭᠦᠨ᠎ᠡ ᠦᠦ?
      ᠯᠢ ᠽᠢ ᠰᠢᠦᠸᠢ᠄
      ᠪᠣᠯᠣᠨ᠎ᠠ᠃ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰᠵᠢᠭᠰᠡᠨ ᠡᠵᠡᠩᠨᠡᠯᠲᠡ ᠵᠢᠨ ᠲᠠᠯ᠎ᠠ᠎ᠪᠠᠷ᠂ 《12᠂ 5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠤᠯᠠᠭ᠋ᠠᠨᠬᠠᠳᠠ ᠬᠣᠲᠠ ᠵᠢᠨ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠪᠣᠯᠪᠠᠰᠤᠷᠠᠭᠤᠯᠬᠤ ᠠᠵᠤ ᠦᠢ᠍ᠯᠡᠳᠪᠦᠷᠢ ᠵᠢᠨ 13 ᠭᠣᠣᠯᠳᠠᠯᠭ᠎ᠠ᠎ᠲᠠᠢ ᠬᠦᠷᠢᠶᠡᠯᠡᠩ ᠲᠣᠭᠣᠷᠢᠭ᠎ᠲᠤ 240 ᠠᠵᠤ ᠠᠬᠤᠶ᠋ᠢᠯᠠᠯ ᠣᠷᠣᠵᠤ ᠰᠠᠭᠤᠷᠢᠰᠢᠨ᠂ ᠶᠤᠸᠠᠨ ᠪᠦᠦ ᠱᠠᠨ ᠲᠣᠭᠣᠷᠢᠭ᠎ᠤᠨ ᠫᠢᠩᠵᠤᠸᠠᠩ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠬᠦᠷᠢᠶᠡᠯᠡᠩ ᠲᠣᠭᠣᠷᠢᠭ᠎ᠨᠢ ᠤᠯᠤᠰ᠎ᠤᠨ ᠲᠠᠷᠢᠶᠠᠯᠠᠩ᠎ᠤᠨ ᠠᠵᠤ ᠦᠢ᠍ᠯᠡᠰᠵᠢᠭᠰᠡᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠵᠶ᠋ᠠᠷ ᠮᠠᠭ᠋ᠠᠳᠯᠠᠨ ᠲᠣᠭᠲᠠᠭ᠋ᠠᠭᠳᠠᠪᠠ᠃ ᠪᠦᠬᠦ ᠬᠤᠳᠠ ᠵᠢᠨ ᠬᠤᠳᠠ ᠵᠢᠨ ᠱᠠᠲᠤᠨ᠎ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰᠴᠢᠯᠡᠯᠳᠡ ᠵᠢᠨ ᠭᠣᠣᠯᠳᠠᠯᠭ᠎ᠠ᠎ᠲᠠᠢ ᠲᠠᠭ᠋ᠠᠭᠤᠯᠤᠭᠴᠢ ᠠᠵᠤ ᠠᠬᠤᠶ᠋ᠢᠯᠠᠯ 264 ᠡᠷᠦᠬᠡ ᠪᠣᠯᠵᠤ᠂ 《11᠂ 5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠡᠴᠦᠰ᠎ᠠᠴᠠ 160 ᠡᠷᠦᠬᠡ ᠨᠡᠮᠡᠭᠳᠡᠪᠡ᠃ ᠡᠭᠦᠨ᠎ᠳᠤ ᠤᠯᠤᠰ᠎ᠤᠨ ᠳᠡᠰ᠎ᠤᠨ 5 ᠡᠷᠦᠬᠡ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ 91 ᠡᠷᠦᠬᠡ ᠪᠠᠢ᠌ᠨ᠎ᠠ᠃ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ᠎ᠢ ᠡᠳ᠋ᠰᠢᠭᠦᠯᠵᠦ ᠬᠤᠪᠢᠷᠠᠭᠤᠯᠬᠤ ᠨᠣᠷᠮ᠎ᠠ 65 %᠎ᠳᠤ ᠬᠦᠷᠴᠦ᠂ 《11᠂ 5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠡᠴᠦᠰ᠎ᠤᠨ᠎ᠬᠢ᠎ᠠᠴᠠ 3 ᠵᠠᠭᠤᠨ᠎ᠤ ᠴᠡᠭ ᠨᠡᠮᠡᠭᠳᠡᠪᠡ᠃ ᠪᠦᠬᠦ ᠬᠣᠲᠠ ᠵᠢᠨ ᠲᠠᠷᠢᠶᠠᠯᠠᠩ᠎ᠳᠤ ᠬᠣᠯᠪᠣᠭᠳᠠᠬᠤ ᠤᠯᠤᠰ᠎ᠤᠨ ᠨᠡᠷᠡᠲᠦ ᠲᠠᠸᠠᠷ᠎ᠤᠨ ᠲᠡᠮᠳᠡᠭᠲᠦ ᠪᠣᠯᠤᠨ ᠥᠪᠡᠷᠲᠡᠭᠡᠨ ᠵᠠᠰᠠᠬᠤ ᠣᠷᠣᠨ᠎ᠤ ᠨᠡᠷᠡᠳᠦ ᠲᠠᠸᠠᠷ᠎ᠤᠨ ᠲᠡᠮᠳᠡᠭᠲᠦ ᠲᠤᠰ ᠲᠤᠰ 10 ᠪᠠ 55᠎ᠳᠤ ᠬᠦᠷᠴᠦ᠂ 《11᠂ 5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠡᠴᠦᠰ᠎ᠤᠨ᠎ᠬᠢ᠎ᠠᠴᠠ ᠲᠤᠰ ᠲᠤᠰ 7 ᠪᠠ 37 ᠨᠡᠮᠡᠭᠳᠡᠪᠡ᠃
      ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠳᠡᠯᠭᠡᠷᠡᠭᠦᠯᠬᠦ ᠲᠠᠯ᠎ᠠ᠎ᠪᠠᠷ᠂ 《12᠂ 5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠤᠯᠠᠭ᠋ᠠᠨᠬᠠᠳᠠ ᠬᠣᠲᠠ ᠲᠠᠷᠢᠶᠠᠯᠠᠩ ᠮᠠᠯ ᠠᠵᠤ ᠠᠬᠤᠶ ᠵᠢᠨ ᠰᠢᠨ᠎ᠡ ᠡᠭᠦᠯᠳᠡᠷ᠎ᠢ ᠢᠳᠡᠪᠬᠢᠲᠡᠶ᠎ᠪᠠᠷ ᠣᠷᠣᠭᠤᠯᠤᠨ ᠠᠪᠴᠢᠷᠠᠬᠤ ᠪᠠ ᠳᠡᠯᠭᠡᠷᠡᠭᠦᠯᠵᠦ᠂ ᠰᠢᠨ᠎ᠡ ᠲᠧᠭᠨᠢᠭ ᠮᠡᠷᠭᠡᠵᠢᠯ᠎ᠢ ᠬᠡᠷᠡᠭᠯᠡᠨ᠂ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠷᠢ ᠬᠡᠮᠵᠢᠶ᠎ᠡ ᠵᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠪᠡ᠃ ᠤᠯᠠᠭ᠋ᠠᠨᠬᠠᠳᠠ ᠬᠣᠲᠠ ᠵᠢᠨ ᠭᠣᠣᠯ ᠪᠣᠯᠬᠤ ᠲᠠᠷᠢᠮᠠᠯ᠎ᠤᠨ ᠰᠠᠢ᠍ᠢ᠍ᠨ ᠦᠷ᠎ᠡ ᠵᠢᠨ ᠪᠦᠷᠬᠦᠴᠡ ᠵᠢᠨ ᠨᠤᠷᠮ᠎ᠠ 96.6 %᠎ᠳᠤ ᠬᠦᠷᠴᠦ᠂ ᠰᠦᠩᠱ᠌ᠠᠨ ᠲᠣᠭᠣᠷᠢᠭ᠎ᠨᠢ ᠬᠥᠳᠡᠭᠡ ᠠᠵᠤ ᠠᠬᠤᠶ ᠵᠢᠨ ᠶᠠᠮᠤᠨ᠎ᠤ ᠤᠯᠤᠰ᠎ᠤᠨ ᠲᠡᠰ᠎ᠤᠨ ᠡᠷᠯᠢᠰᠵᠢᠭᠦᠯᠦᠭᠰᠡᠨ ᠡᠷᠳᠡᠨᠢ ᠰᠢᠰᠢ ᠵᠢᠨ ᠦᠷ᠎ᠡ ᠦᠢ᠍ᠯᠡᠳᠪᠦᠷᠢᠯᠡᠬᠦ ᠰᠠᠭᠤᠷᠢᠨ ᠪᠠ ᠤᠯᠤᠰ᠎ᠤᠨ ᠤᠳᠤ ᠦᠶ᠎ᠡ ᠵᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ ᠲᠣᠭᠣᠷᠢᠭ ᠵᠶ᠋ᠡᠷ ᠮᠠᠭ᠋ᠠᠳᠯᠠᠨ ᠲᠣᠭᠲᠠᠭ᠋ᠠᠭᠳᠠᠪᠠ᠃ ᠵᠣᠣ ᠤᠳᠠ ᠮᠢᠬᠠᠨ ᠬᠣᠨᠢ ᠵᠢᠨ ᠰᠢᠨ᠎ᠡ ᠡᠭᠦᠯᠳᠡᠷ᠎ᠢ ᠪᠣᠢ᠌ᠵᠢᠭᠤᠯᠤᠨ ᠭᠠᠷᠭ᠋ᠠᠭᠰᠠᠨ ᠮᠥᠷᠲᠡᠭᠡᠨ ᠬᠥᠳᠡᠭᠡ ᠠᠵᠤ ᠠᠬᠤᠶ ᠵᠢᠨ ᠶᠠᠮᠤᠨ᠎ᠠᠴᠠ ᠰᠢᠯᠭ᠋ᠠᠨ ᠠᠪᠴᠤ ᠨᠡᠷᠡᠢ᠌ᠳᠦᠭᠰᠡᠨ ᠲᠠᠯ᠎ᠠ ᠨᠤᠲᠤᠭ᠎ᠤᠨ ᠬᠡᠯᠪᠡᠷᠢ ᠵᠢᠨ ᠢᠳᠡᠰᠢᠨ ᠬᠤᠨᠢᠨ᠎ᠤ ᠡᠭᠦᠯᠳᠡᠷ ᠪᠣᠶ᠋ᠢᠵᠢᠭᠤᠯᠬᠤ ᠠᠵᠢᠯ᠎ᠤᠨ ᠬᠣᠭᠣᠰᠣᠨ᠎ᠢ ᠨᠥᠬᠥᠭᠰᠡᠨ ᠪᠠᠶ᠋ᠢᠨ᠎ᠠ᠃ ᠪᠦᠬᠦ ᠬᠣᠲᠠ ᠵᠢᠨ ᠲᠡᠵᠢᠭᠡᠵᠦ ᠪᠠᠶ᠋ᠢᠭ᠎ᠠ ᠵᠣᠣ ᠤᠳᠠ ᠮᠢᠬᠠᠨ ᠬᠣᠨᠢ 207 ᠲᠦᠮᠨ ᠲᠣᠭ᠎ᠠ ᠲᠣᠯᠣᠭ᠋ᠠᠢ᠎ᠳᠤ ᠬᠦᠷᠪᠡ᠃ ᠪᠦᠷᠬᠦᠪᠴᠢᠲᠤ ᠳᠤᠰᠤᠯᠭ᠋ᠠᠨ ᠤᠰᠤᠯᠠᠯᠲᠠ᠂ ᠪᠦᠷᠬᠦᠪᠴᠢ ᠵᠢ ᠪᠦᠷᠢᠨ ᠪᠦᠷᠬᠦᠭᠦᠯᠬᠦ᠂ ᠬᠠᠮᠠᠭ᠋ᠠᠯᠠᠯᠲᠠ ᠵᠢᠨ ᠴᠢᠨᠠᠷᠲᠠᠶ ᠲᠠᠷᠢᠶᠠᠯᠠᠬᠤ᠂ ᠡᠪᠡᠳᠴᠢᠨ ᠬᠣᠷᠣᠬᠠᠶ ᠵᠢᠨ ᠬᠥᠨᠥᠭᠡᠯ᠎ᠢ ᠪᠣᠬᠢᠷᠳᠠᠯ ᠦᠭᠡᠢ ᠰᠡᠷᠭᠡᠶ᠋ᠢᠯᠡᠨ ᠬᠢᠵᠠᠭ᠋ᠠᠷᠯᠠᠬᠤ ᠵᠡᠷᠭᠡ ᠮᠡᠷᠭᠡᠵᠢᠯ᠎ᠤᠨ ᠲᠦᠭᠡᠮᠵᠢᠯᠡᠯᠲᠡ ᠵᠢ ᠲᠥᠷᠭᠡᠳᠬᠡᠵᠦ᠂ ᠲᠠᠷᠢᠶᠠᠯᠠᠩ ᠮᠠᠯ ᠠᠵᠤ ᠠᠬᠤᠶ ᠵᠢᠨ ᠭᠠᠷᠤᠯᠲᠠ ᠪᠠ ᠨᠡᠮᠡᠭᠳᠡᠭᠦᠯᠵᠦ ᠦᠷ᠎ᠡ ᠠᠰᠢᠭ᠎ᠢ ᠨᠡᠮᠡᠭᠳᠡᠭᠦᠯᠬᠦ᠎ᠳᠤ ᠲᠤᠪᠤᠢ᠍ᠢ᠍ᠮ᠎ᠠ ᠬᠤᠪᠢ ᠨᠡᠮᠡᠷᠢ ᠦᠵᠡᠭᠦᠯᠪᠡ᠃ 《12᠂ 5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠡᠴᠦᠰ᠎ᠲᠤ᠂ ᠪᠦᠬᠦ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠵᠡᠭᠦᠯᠦᠭᠰᠡᠨ ᠬᠤᠪᠢ ᠨᠡᠮᠡᠷᠢ ᠵᠢᠨ ᠨᠤᠷᠮ᠎ᠠ᠎ᠨᠢ 57 %᠎ᠳᠤ ᠬᠦᠷᠴᠡᠢ᠃
      ᠬᠥᠲᠥᠯᠥᠭᠴᠢ᠄
      ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠶᠠᠰᠤ ᠴᠢᠨᠠᠷ᠎ᠤᠨ ᠠᠶᠤᠯ ᠥᠭᠡᠢ ᠵᠢᠨ ᠬᠢᠨᠠᠯᠲᠠ ᠬᠠᠮᠢᠶᠠᠷᠤᠯᠲᠠ᠎ᠨᠢ ᠮᠥᠨ ᠴᠦ᠍ ᠲᠠᠷᠢᠶᠠᠯᠠᠩ ᠮᠠᠯ ᠠᠵᠤ ᠠᠬᠤᠶ ᠵᠢᠨ ᠠᠵᠢᠯ᠎ᠤᠨ ᠨᠢᠭᠡᠨ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠮᠥᠨ᠂ ᠡᠨᠡ ᠲᠠᠯ᠎ᠠ᠎ᠪᠠᠷ ᠶᠠᠮᠠᠷ ᠪᠠᠶ᠋ᠢᠳᠠᠯ᠎ᠲᠠᠢ ᠪᠠᠢ᠌ᠬᠤ ᠪᠤᠢ?
      ᠯᠢ ᠽᠢ ᠰᠢᠦᠸᠢ᠄
     《12᠂ 5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠭᠣᠣᠯ ᠪᠣᠯᠬᠤ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠵᠠᠭᠪᠤᠷᠢ ᠠᠪᠴᠤ ᠪᠠᠶ᠋ᠢᠴᠠᠭ᠋ᠠᠬᠤ ᠪᠠᠶ᠋ᠢᠴᠠᠭ᠋ᠠᠯᠲᠠ᠎ᠳᠤ ᠬᠢᠷᠢ ᠲᠡᠩᠴᠡᠭᠦ ᠨᠤᠷᠮ᠎ᠠ ᠵᠢ 96 %᠎ᠠᠴᠠ   ᠳᠡᠭᠡᠭᠰᠢᠬᠢ ᠪᠠᠢ᠌ᠯᠭ᠋ᠠᠵᠤ᠂ ᠤᠯᠠᠭ᠋ᠠᠨᠬᠠᠳᠠ ᠪᠦᠬᠦ ᠬᠣᠲᠠ ᠵᠢᠨ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠬᠦᠨᠳᠦ ᠶᠡᠬᠡ ᠶᠠᠰᠤ ᠴᠢᠨᠠᠷ᠎ᠤᠨ ᠠᠶᠤᠯᠭᠦᠢ ᠪᠠ ᠠᠮᠢᠲᠠᠨ᠎ᠤ ᠬᠢᠵᠢᠭ᠎ᠤᠨ ᠬᠦᠨᠳᠦ ᠶᠡᠬᠡ ᠪᠠᠶ᠋ᠢᠳᠠᠯ ᠭᠠᠷᠤᠭᠰᠠᠨ ᠦᠭᠡᠢ᠃ ᠵᠣᠣ ᠤᠳᠠ ᠮᠢᠬᠠᠨ ᠬᠣᠨᠢ᠂ ᠤᠯᠠᠭ᠋ᠠᠨᠬᠠᠳᠠ ᠵᠢᠨ ᠰᠠᠭ᠋ᠠᠭ᠎ᠤᠨ ᠭᠤᠯᠢᠷ᠂ ᠤᠯᠠᠭ᠋ᠠᠨᠬᠠᠳᠠ ᠵᠢᠨ ᠨᠣᠭᠣᠭ᠋ᠠᠨ ᠪᠤᠷᠴᠠᠭ᠂ ᠤᠯᠠᠭ᠋ᠠᠨᠬᠠᠳᠠ ᠵᠢᠨ ᠨᠠᠷᠢᠮᠤ ᠤᠷᠢᠳ ᠬᠣᠵᠢᠳ ᠬᠥᠳᠡᠭᠡ ᠠᠵᠤ ᠠᠬᠤᠶ ᠵᠢᠨ ᠶᠠᠮᠤᠨ᠎ᠤ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠵᠠᠷ ᠵᠦᠢ ᠵᠢᠨ ᠪᠡᠯᠭᠡ ᠲᠡᠮᠳᠡᠭ ᠵᠶ᠋ᠡᠷ ᠮᠠᠭ᠋ᠠᠳᠯᠠᠨ ᠲᠣᠭᠲᠠᠭ᠋ᠠᠭᠳᠠᠵᠤ᠂ ᠪᠦᠬᠦ ᠬᠤᠳᠠ ᠵᠢᠨ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠵᠠᠷ ᠵᠦᠢ ᠵᠢᠨ ᠪᠡᠯᠭᠡ ᠲᠡᠮᠳᠡᠭ 12 ᠬᠦᠷᠴᠦ᠂ 《11᠂ 5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠡᠴᠦᠰ᠎ᠠᠴᠠ 7 ᠨᠡᠮᠡᠭᠳᠡᠪᠡ᠃ ᠪᠦᠬᠦ ᠬᠣᠲᠠ ᠵᠢᠨ 《ᠭᠤᠷᠪᠠᠨ ᠪᠦᠲᠦᠭᠡᠭᠳᠡᠬᠦᠨ ᠨᠢᠭᠡ ᠲᠡᠮᠳᠡᠭᠲᠦ》 ᠲᠠᠷᠢᠶᠠᠯᠠᠩ᠎ᠤᠨ ᠪᠦᠲᠦᠭᠡᠭᠳᠡᠬᠦᠨ 350 ᠪᠣᠯᠪᠠ᠃
      ᠬᠥᠲᠥᠯᠥᠭᠴᠢ᠄
      ᠣᠶ᠋ᠢᠷ᠎ᠠ ᠵᠢᠨ ᠵᠢᠯ ᠤᠯᠠᠭ᠋ᠠᠨᠬᠠᠳᠠ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠰᠢᠨ᠎ᠡ ᠮᠠᠶᠢᠭ᠎ᠤᠨ ᠡᠵᠡᠩᠨᠡᠯᠲᠡ ᠵᠢᠨ ᠭᠣᠣᠯ ᠴᠣᠭᠴᠠ ᠵᠢ ᠪᠣᠢ᠌ᠵᠢᠭᠤᠯᠤᠭ᠋ᠠᠳ ᠢᠯᠡᠳᠲᠡ ᠠᠮᠵᠢᠯᠲᠠ ᠣᠯᠵᠠᠢ᠂ ᠯᠢ ᠳᠠᠷᠤᠭ᠎ᠠ ᠡᠨᠡ ᠲᠠᠯ᠎ᠠ ᠵᠢᠨ᠎ᠬᠢ ᠪᠠᠶ᠋ᠢᠳᠠᠯ᠎ᠢ ᠪᠢᠳᠡᠨ᠎ᠳᠤ   ᠲᠠᠨᠢᠯᠴᠠᠭᠤᠯᠤᠭ᠋ᠠᠳ ᠥᠭᠭᠦᠨ᠎ᠡ ᠦᠦ?
      ᠯᠢ ᠽᠢ ᠰᠢᠦᠸᠠᠢ᠄
     《12·5》 ᠵᠢᠨ ᠬᠤᠭᠤᠴᠠᠭ᠋ᠠᠨ᠎ᠳᠤ᠂ ᠤᠯᠠᠭ᠋ᠠᠨᠬᠠᠳᠠ ᠬᠣᠲᠠ ᠲᠠᠷᠢᠶᠠᠯᠠᠩ ᠮᠠᠯ ᠠᠵᠤ ᠠᠬᠤᠶ ᠵᠢᠨ ᠵᠣᠬᠢᠬᠤ ᠬᠡᠪᠴᠢᠶᠡᠵᠢᠯ ᠵᠶ᠋ᠡᠷ ᠡᠵᠡᠩᠨᠡᠬᠦ ᠪᠠ ᠭᠠᠵᠠᠷ ᠰᠢᠷᠣᠶ ᠡᠪᠡᠰᠦ ᠪᠡᠯᠴᠢᠭᠡᠷ᠎ᠤᠨ ᠳᠠᠭ᠋ᠠᠭ᠋ᠠᠴᠢᠯᠠᠨ ᠡᠵᠡᠩᠨᠡᠬᠦ ᠡᠷᠬᠡ ᠵᠢᠨ ᠡᠷᠭᠢᠯᠲᠡ ᠵᠢ ᠢᠳᠡᠪᠬᠢᠲᠡᠶ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠵᠢᠨ ᠬᠡᠪᠴᠢᠶᠡᠵᠢᠯᠲᠠ ᠪᠠ ᠡᠷᠴᠢᠮᠵᠢᠯᠲᠡ ᠵᠢ ᠲᠠᠰᠤᠷᠠᠯᠳᠠ ᠦᠭᠡᠢ ᠳᠡᠭᠡᠭᠰᠢᠯᠡᠭᠦᠯᠪᠡ᠃ 《12·5》 ᠵᠢᠨ ᠡᠴᠦᠰ᠎ᠲᠤ᠂ ᠪᠦᠬᠦ ᠬᠣᠲᠠ ᠵᠢᠨ ᠭᠠᠵᠠᠷ ᠰᠢᠷᠣᠶ ᠡᠪᠡᠰᠦ ᠪᠡᠯᠴᠢᠭᠡᠷ᠎ᠤᠨ ᠡᠷᠭᠢᠯᠲᠡ ᠵᠢᠨ ᠲᠠᠯᠠᠪᠠᠢ 950 ᠲᠦᠮᠡᠨ ᠮᠦ᠍᠎ᠳᠤ ᠬᠦᠷᠴᠦ᠂ ᠭᠠᠵᠠᠷ ᠰᠢᠷᠣᠶ᠂ ᠡᠪᠡᠰᠦ ᠪᠡᠯᠴᠢᠭᠡᠷ᠎ᠤᠨ ᠡᠷᠭᠢᠯᠲᠡ ᠵᠢᠨ ᠨᠤᠷᠮ᠎ᠠ᠎ᠨᠢ 《11·5》 ᠵᠢᠨ ᠬᠤᠭᠤᠴᠠᠭ᠋ᠠᠨ᠎ᠤ ᠡᠴᠦᠰ᠎ᠠᠴᠠ ᠲᠤᠰ ᠲᠤᠰ 21.7 ᠪᠠ 5.1 ᠵᠠᠭᠤᠨ᠎ᠤ ᠴᠡᠭ ᠳᠡᠭᠡᠭᠰᠢᠯᠡᠪᠡ᠃ ᠪᠦᠬᠦ ᠬᠣᠲᠠ ᠵᠢᠨ ᠳᠠᠷᠢᠵᠤ ᠲᠡᠵᠢᠭᠡᠬᠦ ᠳᠤᠮᠤ ᠡᠷᠦᠬᠡ 10·4 ᠲᠦᠮᠡ᠎ᠳᠤ ᠬᠦᠷᠴᠦ᠂ ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠢ 800 ᠭᠠᠷᠤᠶ ᠪᠣᠯᠵᠤ᠂ ᠮᠠᠯᠴᠢᠨ ᠲᠠᠷᠢᠶᠠᠴᠢᠨ᠎ᠤ ᠲᠤᠰᠬᠠᠢ᠌ᠵᠢᠭᠰᠠᠨ ᠬᠤᠷᠰᠢᠶ᠎ᠠ 1.5 ᠲᠦᠮᠡ᠎ᠳᠤ ᠬᠦᠷᠪᠡ᠃
      ᠬᠥᠲᠥᠯᠥᠭᠴᠢ᠄
      ᠯᠢ ᠳᠠᠷᠤᠭ᠎ᠠ ᠵᠢᠨ ᠲᠠᠨᠢᠯᠴᠠᠭᠤᠯᠤᠭᠰᠠᠨ 《12·5》 ᠵᠢᠨ ᠬᠤᠭᠤᠴᠠᠭ᠋ᠠᠨ᠎ᠤ ᠲᠠᠷᠢᠶᠠᠯᠠᠩ ᠮᠠᠯ ᠠᠵᠤ ᠠᠬᠤᠶ ᠵᠢᠨ ᠬᠥᠭᠵᠢᠯᠲᠡ ᠵᠢᠨ ᠰᠠᠢ᠍ᠢ᠍ᠨ ᠪᠠᠶ᠋ᠢᠳᠠᠯ᠎ᠢ ᠰᠣᠨᠣᠰᠤᠭ᠋ᠠᠳ ᠪᠢᠳᠡ ᠴᠢᠩ ᠰᠡᠳᠬᠢᠯ᠎ᠠᠴᠠ᠎ᠪᠠᠨ ᠪᠠᠶᠠᠷᠯᠠᠵᠤ ᠪᠠᠶ᠋ᠢᠨ᠎ᠠ᠃ 《13·5》 ᠪᠣᠯ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ ᠰᠢᠢ᠍ᠳᠪᠦᠷᠢᠲᠦ ᠬᠤᠭᠤᠴᠠᠭ᠎ᠠ ᠪᠣᠯᠣᠨ᠎ᠠ᠂ 2016 ᠣᠨ᠎ᠨᠢ ᠪᠠᠰᠠ ᠴᠦ᠍ 《13 · 5》 ᠵᠢᠨ ᠡᠬᠢᠯᠡᠯᠲᠡ ᠵᠢᠨ ᠵᠢᠯ ᠮᠥᠨ᠃ ᠯᠢ ᠳᠠᠷᠤᠭ᠎ᠠ᠂ ᠤᠯᠠᠭ᠋ᠠᠨᠬᠠᠳᠠ ᠬᠣᠲᠠ 《13·5》 ᠪᠣᠯᠣᠨ ᠡᠨᠡ ᠵᠢᠯ᠎ᠤᠨ ᠲᠠᠷᠢᠶᠠᠯᠠᠩ ᠮᠠᠯ ᠠᠵᠤ ᠠᠬᠤᠶ ᠵᠢᠨ ᠠᠵᠢᠯ᠎ᠳᠤ ᠶᠠᠮᠠᠷ ᠶᠠᠮᠠᠷ ᠰᠢᠨ᠎ᠡ ᠰᠡᠳᠬᠢᠴᠡ ᠪᠠ ᠬᠥᠭᠵᠢᠯᠲᠡ ᠵᠢᠨ ᠬᠠᠷᠠᠯᠲᠠ ᠪᠠᠢ᠌ᠬᠤ ᠪᠤᠢ?  
      ᠯᠢ ᠽᠢ ᠰᠢᠦᠸᠠᠢ᠄
     《13·5》 ᠵᠢᠨ ᠬᠤᠭᠤᠴᠠᠭ᠋ᠠᠨ᠎ᠳᠤ᠂ ᠤᠯᠠᠭ᠋ᠠᠨᠬᠠᠳᠠ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠠᠵᠢᠯ᠎ᠳᠤ 《ᠰᠢᠨ᠎ᠡ ᠵᠢ ᠡᠭᠦᠳᠬᠦ ᠵᠣᠬᠢᠴᠠᠩᠭᠤᠢ ᠪᠣᠬᠢᠷᠳᠤᠯ ᠦᠭᠡᠢ ᠨᠡᠭᠡᠭᠡᠯᠲᠡ᠎ᠲᠠᠢ ᠪᠦᠭᠡᠳ ᠬᠠᠮᠲᠤ᠎ᠪᠠᠷ ᠬᠦᠷᠲᠡᠬᠦ》 ᠬᠥᠭᠵᠢᠯᠲᠡ ᠵᠢᠨ ᠣᠨᠣᠯᠵᠢᠬᠤᠨ᠎ᠢ ᠪᠦᠬᠦ ᠲᠠᠯ᠎ᠠ᠎ᠪᠠᠷ ᠪᠡᠶᠡᠯᠡᠭᠦᠯᠵᠦ᠂ 《3661》 ᠢᠨᠵᠧᠨᠧᠷᠢᠩ᠎ᠢ ᠬᠡᠷᠡᠭᠵᠢᠭᠦᠯᠬᠦ᠎ᠪᠠᠷ ᠭᠠᠷᠳᠠᠴᠠ ᠪᠣᠯᠭ᠋ᠠᠨ᠂ ᠪᠣᠬᠢᠷᠲᠤᠯ ᠦᠭᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭ᠋ᠠᠬᠤ ᠰᠠᠭᠤᠷᠢᠨ ᠭᠠᠵᠠᠷ᠎ᠤᠨ ᠪᠥᠳᠥᠭᠡᠨ ᠪᠠᠶ᠋ᠢᠭᠤᠯᠤᠯᠲᠠ ᠵᠢ ᠲᠦᠷᠭᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠲᠥᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠵᠢᠨ ᠬᠥᠭᠵᠢᠯᠲᠡ ᠵᠢᠨ ᠠᠷᠭ᠎ᠠ ᠮᠠᠶᠢᠭ᠎ᠢ ᠬᠤᠪᠢᠷᠠᠭᠤᠯᠬᠤ᠂ 《ᠵᠢᠷᠭᠤᠭ᠋ᠠᠨ ᠪᠦᠬᠦ ᠲᠠᠯ᠎ᠠ᠎ᠪᠠᠷ ᠳᠡᠭᠡᠭᠰᠢᠯᠡᠭᠦᠬᠦ》 ᠵᠢ ᠪᠡᠶᠡᠯᠡᠭᠦᠯᠵᠦ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠦᠷᠭᠦᠯᠵᠢᠯᠡᠨ ᠨᠡᠮᠡᠭᠳᠡᠭᠦᠯᠬᠦ ᠵᠢ ᠠᠬᠢᠭᠤᠯᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ᠎ᠳᠤ ᠪᠠᠲᠤ ᠪᠡᠬᠢ ᠰᠠᠭᠤᠷᠢ ᠲᠠᠯᠪᠢᠵᠤ ᠥᠭᠭᠦᠨ᠎ᠡ᠃
      ᠪᠢ ᠤᠷᠢᠳᠠᠪᠠᠷ 《3661》 ᠢᠨᠵᠧᠨᠧᠷᠢᠩ᠎ᠢ ᠲᠠᠨᠢᠯᠴᠠᠭᠤᠯᠤᠶ᠎ᠠ᠃ ᠤᠯᠠᠭ᠋ᠠᠨᠬᠠᠳᠠ ᠬᠤᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ 《13·5》 ᠵᠢᠨ ᠬᠤᠭᠤᠴᠠᠭ᠋ᠠᠨ᠎ᠳᠤ᠂ ᠲᠠᠷᠢᠶᠠᠯᠠᠩ ᠮᠠᠯ ᠠᠵᠤ ᠠᠬᠤᠶ ᠵᠢᠨ 《3661》 ᠢᠨᠵᠧᠨᠧᠷᠢᠩ᠎ᠢ ᠪᠦᠬᠦ ᠲᠠᠯ᠎ᠠ᠎ᠪᠠᠷ ᠬᠡᠷᠡᠭᠵᠢᠭᠦᠯᠬᠦ᠎ᠪᠠᠷ ᠳᠤᠷᠠᠳᠤᠪᠠ᠂ ᠲᠤᠬᠠᠶ᠋ᠢᠯᠠᠪᠠᠯ᠄ 2020 ᠣᠨ ᠪᠣᠯᠬᠤ᠎ᠳᠤ᠂ ᠪᠦᠬᠦ ᠬᠣᠲᠠ ᠵᠢᠨ ᠭᠠᠵᠠᠷ ᠰᠢᠷᠣᠶ ᠵᠢᠨ ᠡᠷᠭᠢᠯᠲᠡ ᠵᠢᠨ ᠨᠤᠷᠮ᠎ᠠ ᠵᠢ 60%᠎ᠳᠤ ᠬᠦᠷᠦᠭᠦᠯᠵᠦ᠂ ᠮᠠᠯᠴᠢᠨ ᠲᠠᠷᠢᠶᠠᠴᠢᠨ᠎ᠤ ᠬᠤᠷᠰᠢᠭᠰᠠᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠵᠢᠨ ᠪᠦᠷᠬᠦᠴᠡ ᠵᠢᠨ ᠨᠤᠷᠮ᠎ᠠ ᠵᠢ 60%᠎ᠳᠤ ᠬᠦᠷᠦᠭᠦᠯᠵᠦ᠂ ᠴᠢᠨᠠᠷ ᠰᠠᠶ᠋ᠢᠲᠠᠶ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠳᠤᠰ ᠭᠠᠵᠠᠷ᠎ᠲᠠᠭᠠᠨ ᠪᠣᠯᠪᠠᠰᠤᠷᠠᠭᠤᠯᠤᠨ ᠬᠤᠪᠢᠷᠠᠭᠤᠯᠬᠤ ᠨᠣᠷᠮ᠎ᠠ ᠵᠢ 60%᠎ᠳᠤ ᠬᠦᠷᠦᠭᠦᠯᠵᠦ᠂ ᠠᠮᠤ ᠪᠤᠳᠠᠭ᠎ᠠ ᠦᠢ᠍ᠯᠡᠳᠪᠦᠷᠢᠯᠡᠬᠦ ᠴᠢᠳᠠᠪᠤᠷᠢ ᠵᠢ100 ᠳ᠋ᠦᠨᠭᠰᠢᠭᠤᠷ ᠵᠢᠩ ᠵᠶ᠋ᠡᠷ ᠲᠣᠭᠲᠠᠪᠤᠷᠢᠵᠢᠭᠤᠯᠵᠤ᠂ ᠪᠡᠯᠡᠳᠭᠡᠮᠵᠢᠳᠤ ᠲᠠᠷᠢᠶᠠᠯᠠᠩ᠎ᠢ ᠰᠢᠨ᠎ᠡ᠎ᠪᠠᠷ 100 ᠲᠦᠮᠡᠨ ᠮᠦ᠍ ᠨᠡᠮᠡᠭᠳᠡᠭᠦᠯᠵᠦ᠂ ᠴᠢᠨᠠᠷ ᠰᠠᠶ᠋ᠢᠲᠠᠶ ᠪᠣᠷᠣ ᠬᠣᠰᠢᠶᠠᠩᠭᠤᠷ᠎ᠢ ᠰᠢᠨ᠎ᠡ᠎ᠪᠠᠷ 100 ᠲᠦᠮᠡᠨ ᠮᠦ᠍ ᠨᠡᠮᠡᠭᠳᠡᠭᠦᠯᠬᠦ᠂ ᠥᠨᠳᠥᠷ ᠪᠦᠲᠦᠮᠵᠢᠲᠡᠶ ᠭᠠᠷᠤᠯᠲᠠ ᠰᠠᠢ᠌ᠲᠠᠢ ᠠᠵᠤ ᠠᠬᠤᠶ ᠵᠢᠨ ᠤᠢ ᠵᠢ 100 ᠲᠦᠮᠡᠨ ᠮᠦ᠍ ᠬᠥᠭᠵᠢᠭᠦᠯᠵᠦ᠂ ᠴᠢᠨᠠᠷ ᠰᠠᠶ᠋ᠢᠲᠠᠶ ᠢᠳᠡᠰᠢᠨ ᠦᠬᠡᠷ᠂ ᠢᠳᠡᠰᠢᠨ ᠬᠤᠨᠢ ᠢᠮᠠᠭ᠎ᠠ ᠵᠢ 1000 ᠲᠦᠮᠡᠨ ᠲᠣᠯᠣᠭ᠋ᠠᠢ ᠪᠣᠷᠣᠯᠠᠭᠤᠯᠵᠤ᠂ ᠴᠢᠨᠠᠷ ᠰᠠᠶ᠋ᠢᠲᠠᠶ ᠢᠳᠡᠰᠢᠨ ᠭᠠᠬᠠᠶ ᠵᠢ 1000 ᠲᠦᠮᠡᠨ ᠲᠣᠯᠣᠭ᠋ᠠᠢ ᠪᠣᠷᠣᠯᠠᠭᠤᠯᠬᠤ ᠪᠣᠯᠣᠨ᠎ᠠ᠃
     《3661》 ᠢᠨᠵᠧᠨᠧᠷᠢᠩ᠎ᠢ ᠬᠡᠷᠡᠭᠵᠢᠭᠦᠯᠬᠦ ᠴᠢᠬᠤᠯᠠ ᠠᠴᠢ ᠬᠣᠯᠪᠣᠭᠳᠠᠯ ᠭᠡᠪᠡᠯ ᠥᠩᠭᠡᠷᠡᠭᠰᠡᠨ᠎ᠤ ᠲᠣᠭ᠎ᠠ ᠬᠡᠮᠵᠢᠶ᠎ᠡ ᠵᠢ ᠭᠣᠣᠯᠴᠢᠯᠠᠨ ᠬᠥᠭᠡᠭᠡᠴᠡᠯᠳᠦᠵᠦ ᠪᠠᠢ᠌ᠭᠰᠠᠨ᠎ᠠᠴᠠ 《ᠠᠷᠭ᠎ᠠ ᠮᠠᠶᠢᠭ᠎ᠢ ᠬᠤᠪᠢᠷᠠᠭᠤᠯᠬᠤ᠂ ᠪᠦᠲᠦᠴᠡ ᠵᠢ ᠲᠣᠬᠢᠷᠠᠭᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ ᠵᠢ ᠬᠦᠴᠦᠷᠬᠡᠭᠵᠢᠭᠦᠯᠬᠦ᠂ ᠪᠣᠬᠢᠷᠲᠤᠯ ᠦᠭᠡᠢ ᠨᠡᠮᠡᠭᠳᠡᠭᠦᠯᠬᠦ᠂ ᠳᠤᠲᠠᠭᠤᠳᠠᠯ᠎ᠢ ᠨᠦᠬᠦᠬᠦ》᠎ᠪᠠᠷ ᠭᠣᠣᠯ ᠠᠭᠤᠯᠭ᠎ᠠ ᠪᠣᠯᠭ᠋ᠠᠭᠰᠠᠨ ᠲᠣᠭ᠎ᠠ ᠬᠡᠮᠵᠢᠶ᠎ᠡ ᠶᠠᠰᠤ ᠴᠢᠨᠠᠷ ᠦᠷ᠎ᠡ ᠠᠰᠢᠭ᠎ᠢ ᠵᠡᠷᠭᠡᠪᠡᠷ ᠴᠢᠬᠤᠯᠠᠴᠢᠯᠠᠭ᠍ᠤ ᠪᠣᠯᠭ᠋ᠠᠨ ᠬᠤᠪᠢᠷᠠᠭᠤᠯᠵᠤ᠂ ᠲᠠᠷᠢᠶᠠᠯᠠᠩ ᠮᠠᠯ ᠠᠵᠤ ᠠᠬᠤᠶ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠨᠡᠩ ᠳᠣᠪᠣᠢ᠌ᠯᠭ᠋ᠠᠵᠤ᠂ 《ᠡᠮᠦᠨᠡᠲᠦ ᠣᠷᠣᠨ᠎ᠤ ᠨᠣᠭᠣᠭ᠎ᠠ ᠤᠮᠠᠷᠠᠲᠤ ᠣᠷᠣᠨ᠎ᠤ ᠡᠪᠡᠰᠦ᠂ ᠴᠢᠨᠠᠷᠵᠢᠭᠤᠨ ᠠᠮᠤ ᠪᠤᠳᠠᠭ᠎ᠠ ᠰᠢᠯᠢᠳᠡᠭ ᠰᠠᠢ᠌ᠨ ᠮᠠᠯ ᠲᠡᠵᠢᠭᠡᠪᠦᠷᠢ》 ᠵᠢᠨ ᠬᠡᠯᠪᠡᠷᠢ ᠲᠡᠰᠢ ᠬᠤᠪᠢᠷᠠᠭᠤᠯᠬᠤ ᠴᠢᠭᠯᠡᠯ ᠪᠣᠯᠤᠨ ᠠᠵᠤ ᠦᠢ᠍ᠯᠡᠰ᠎ᠤᠨ ᠪᠠᠶ᠋ᠢᠷᠢᠰᠢᠭᠤᠯᠤᠯ᠎ᠢ ᠨᠡᠩ ᠳᠣᠪᠣᠢ᠌ᠯᠭ᠋ᠠᠵᠤ᠂ 《ᠤᠰᠤ᠎ᠪᠠᠷ ᠠᠮᠤ ᠪᠤᠳᠠᠭ᠎ᠠ ᠵᠢ ᠲᠣᠭᠲᠠᠭ᠋ᠠᠬᠤ᠂ ᠡᠪᠡᠰᠦ ᠪᠡᠯᠴᠢᠭᠡᠷ ᠵᠶ᠋ᠠᠷ ᠮᠡᠯ ᠰᠦᠷᠦᠭ ᠲᠣᠭᠲᠠᠭ᠋ᠠᠬᠤ᠂ ᠠᠮᠤ ᠪᠤᠳᠠᠭ᠋ᠠᠨ᠎ᠤ ᠭᠠᠷᠤᠯᠲᠠ ᠵᠢ ᠲᠣᠭᠲᠠᠪᠤᠷᠢᠵᠢᠭᠤᠯᠤᠨ ᠤᠯᠠᠭ᠋ᠠᠨ ᠢᠳᠡᠭᠡᠨ᠎ᠢ ᠨᠡᠮᠡᠭᠳᠡᠭᠦᠯᠬᠦ᠂ ᠬᠣᠨᠢ ᠢᠮᠠᠭ᠋ᠠᠨ᠎ᠤ ᠲᠣᠭ᠎ᠠ ᠲᠣᠯᠣᠭ᠋ᠠᠢ ᠵᠢ ᠲᠣᠭᠲᠠᠪᠤᠷᠢᠵᠢᠭᠤᠯᠵᠤ ᠦᠬᠡᠷ᠎ᠤᠨ ᠲᠣᠭ᠎ᠠ ᠲᠣᠯᠣᠭ᠋ᠠᠢ ᠵᠢ
ᠥᠰᠬᠡᠬᠦ》 ᠤᠢ᠍ᠷᠳᠡᠭ ᠵᠶ᠋ᠠᠨ ᠠᠷᠪᠢᠯᠠᠨ ᠦᠷ᠎ᠡ ᠠᠰᠢᠭ᠎ᠢ ᠨᠡᠮᠡᠭᠳᠡᠭᠦᠯᠵᠦ᠂ ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠶ ᠵᠢᠨ ᠵᠠᠮ ᠵᠶ᠋ᠠᠷ ᠭᠤᠢ᠌ᠪᠢᠰᠢ ᠦᠭᠡᠢ ᠵᠠᠮᠨᠠᠵᠤ᠂ 《ᠠᠮᠤ ᠪᠤᠳᠠᠭ᠎ᠠ ᠵᠢ ᠲᠠᠷᠢᠶᠠᠨ᠎ᠳᠠᠭᠠᠨ ᠬᠥᠮᠥᠷᠭᠡᠯᠡᠵᠦ᠂ ᠠᠮᠤ ᠪᠤᠳᠠᠭ᠎ᠠ ᠵᠢ ᠮᠡᠷᠭᠡᠵᠢᠯ ᠵᠶ᠋ᠡᠷ ᠬᠥᠮᠥᠷᠭᠡᠯᠡᠬᠦ》 ᠰᠢᠨ᠎ᠡ ᠵᠢ ᠡᠭᠦᠳᠬᠦ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠶ ᠵᠢᠨ ᠵᠠᠮ ᠵᠶ᠋ᠠᠷ ᠵᠠᠮᠨᠠᠵᠤ᠂ 《ᠥᠪᠥᠷ ᠮᠣᠩᠭᠣᠯ᠎ᠤᠨ ᠨᠡᠷᠡᠳᠦ ᠣᠨᠴᠠ ᠰᠢᠯᠢᠳᠡᠭ᠂ ᠤᠯᠠᠷᠢᠯ ᠰᠥᠷᠭᠡᠦᠯᠡᠨ ᠬᠠᠩᠭ᠋ᠠᠬᠤ》 ᠣᠨᠴᠠᠯᠢᠭ ᠪᠦᠬᠦᠢ ᠲᠠᠷᠢᠶᠠᠯᠠᠩ ᠮᠠᠯ ᠠᠵᠤ ᠠᠬᠤᠶ ᠵᠢᠨ ᠵᠠᠮ ᠵᠶ᠋ᠠᠷ ᠵᠠᠮᠨᠠᠬᠤ ᠪᠣᠯᠣᠨ᠎ᠠ᠃ ᠡᠶ᠋ᠢᠮᠦ᠎ᠠᠴᠠ᠂ 《13·5》 ᠵᠢᠨ ᠬᠤᠭᠤᠴᠠᠭ᠋ᠠᠨ᠎ᠳᠤ᠂ ᠪᠢᠳᠡ 《3661》 ᠢᠨᠵᠧᠨᠧᠷᠢᠩ ᠵᠶ᠋ᠡᠷ ᠭᠠᠷᠳᠠᠴᠠ ᠪᠣᠯᠭ᠋ᠠᠵᠤ᠂ ᠤᠳᠤ ᠦᠶ᠎ᠡ ᠵᠢᠨ ᠲᠠᠷᠢᠶᠠᠯᠠᠩ ᠮᠠᠯ ᠠᠵᠤ ᠠᠬᠤᠶ ᠵᠢᠨ ᠬᠥᠭᠵᠢᠯᠲᠡ ᠵᠢ ᠲᠦᠷᠭᠡᠨ ᠠᠬᠢᠭᠤᠯᠬᠤ ᠪᠣᠯᠣᠨ᠎ᠠ᠃
      ᠬᠥᠲᠥᠯᠥᠭᠴᠢ᠄
      ᠰᠠᠶᠢᠬᠠᠨ ᠯᠢ ᠳᠠᠷᠤᠭ᠎ᠠ ᠮᠠᠨ᠎ᠳᠤ 《3661》 ᠢᠨᠵᠧᠨᠧᠷᠢᠩ᠎ᠢ ᠨᠠᠷᠢᠨ ᠲᠣᠳᠣᠷᠬᠠᠶ ᠲᠠᠨᠢᠯᠴᠠᠭᠤᠯᠤᠯ᠎ᠠ᠂ ᠲᠡᠭᠡᠪᠡᠯ 《ᠵᠢᠷᠭᠤᠭ᠋ᠠᠨ ᠪᠦᠬᠦ ᠲᠠᠯ᠎ᠠ᠎ᠪᠠᠷ ᠳᠡᠭᠡᠭᠰᠢᠯᠡᠭᠦᠯᠬᠦ》 ᠭᠡᠳᠡᠭ᠎ᠨᠢ ᠴᠤᠬᠤᠮ ᠶᠠᠮᠠᠷ ᠶᠠᠮᠠᠷ ᠠᠭᠤᠯᠭ᠎ᠠ᠎ᠲᠠᠢ ᠪᠤᠢ?
      ᠯᠢ ᠽᠢ ᠰᠢᠤᠸᠠᠢ᠄
     《ᠵᠢᠷᠭᠤᠭ᠋ᠠᠨ ᠪᠦᠬᠦ ᠲᠠᠯ᠎ᠠ᠎ᠪᠠᠷ ᠳᠡᠭᠡᠭᠰᠢᠯᠡᠭᠦᠯᠬᠦ》 ᠭᠡᠳᠡᠭ ᠪᠤᠯ᠂ ᠨᠢᠭᠡ᠎ᠳᠤ ᠲᠠᠷᠢᠶᠠᠯᠠᠩ ᠮᠠᠯ ᠠᠵᠤ ᠠᠬᠤᠶ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠬᠦᠴᠦᠯᠡᠨ ᠠᠬᠢᠭᠤᠯᠵᠤ᠂ ᠴᠢᠨᠠᠷ ᠰᠠᠶ᠋ᠢᠲᠠᠶ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠬᠠᠩᠭ᠋ᠠᠯᠭ᠎ᠠ ᠵᠢᠨ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ; ᠬᠣᠶᠠᠷ᠎ᠲᠤ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠲᠤᠯᠭ᠋ᠠᠭᠤᠷᠢᠯᠠᠬᠤ ᠵᠢ ᠪᠠᠲᠤᠯᠠᠬᠤ ᠴᠢᠳᠠᠪᠤᠷᠢ᠎ᠪᠠᠨ ᠲᠠᠰᠤᠷᠠᠯᠲᠠ ᠦᠭᠡᠶ ᠴᠢᠩᠭ᠋ᠠᠳᠬᠠᠵᠤ᠂ ᠡᠳ᠋ ᠪᠤᠳᠠᠰ᠎ᠤᠨ ᠮᠡᠷᠭᠡᠵᠢᠯ᠎ᠤᠨ ᠲᠥᠬᠥᠭᠡᠷᠦᠮᠵᠢ ᠵᠢᠨ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ; ᠭᠤᠷᠪᠠ᠎ᠳᠤ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠳᠤᠨ ᠬᠥᠭᠵᠢᠬᠦ ᠵᠢ ᠴᠢᠷᠮᠠᠶ᠋ᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰᠵᠢᠭᠰᠡᠨ ᠡᠵᠡᠩᠨᠡᠯᠲᠡ ᠵᠢᠨ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ; ᠲᠦᠷᠪᠡ᠎ᠳᠤ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠶᠠᠰᠤ ᠴᠢᠨᠠᠷ᠎ᠤᠨ ᠠᠶᠤᠯ ᠥᠭᠡᠢ ᠵᠢᠨ ᠪᠠᠲᠤᠯᠠᠭ᠎ᠠ ᠵᠢᠨ ᠰᠢᠰᠲ᠋ᠧᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠶᠠᠰᠤ ᠴᠢᠨᠠᠷ᠎ᠤᠨ ᠠᠶᠤᠯ ᠥᠭᠡᠢ ᠵᠢᠨ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ; ᠲᠠᠪᠤ᠎ᠳᠤ ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠶ ᠵᠢᠨ ᠡᠵᠡᠩᠨᠡᠯᠲᠡ ᠵᠢᠨ ᠪᠡᠶᠡᠴᠢ ᠴᠤᠭᠴᠠ ᠵᠢ ᠢᠳᠡᠪᠬᠢᠲᠡᠶ ᠪᠣᠶ᠋ᠢᠵᠢᠭᠤᠯᠵᠤ᠂ ᠤᠯᠠᠨ ᠵᠦᠢ᠍ᠯ᠎ᠤᠨ ᠬᠡᠯᠪᠡᠷᠢ ᠵᠢᠨ ᠵᠣᠬᠢᠮᠵᠢᠲᠠᠶ ᠬᠡᠪᠴᠢᠶᠡᠲᠦ ᠡᠵᠡᠩᠨᠡᠯᠲᠡ ᠵᠢᠨ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ; ᠵᠢᠷᠭᠤᠭ᠎ᠠ᠎ᠳᠤ ᠠᠮᠢ ᠠᠬᠤᠶ ᠵᠢᠨ ᠲᠠᠷᠢᠶᠠᠯᠠᠩ ᠮᠠᠯ ᠠᠵᠤ ᠠᠬᠤᠢ ᠵᠢ ᠶᠡᠬᠡᠪᠡᠷ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠵᠢᠨ ᠦᠷᠬᠦᠯᠵᠢᠯᠡᠨ ᠬᠦᠭᠵᠢᠬᠦ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃
      ᠬᠥᠲᠥᠯᠥᠭᠴᠢ᠄
      ᠰᠠᠶᠢᠬᠠᠨ ᠯᠢ ᠳᠠᠷᠤᠭ᠎ᠠ ᠮᠠᠨ᠎ᠳᠤ 《13 · 5》 ᠵᠢᠨ ᠬᠤᠭᠤᠴᠠᠭ᠋ᠠᠨ᠎ᠳᠠᠬᠢ ᠤᠯᠠᠭ᠋ᠠᠨᠬᠠᠳᠠ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠬᠥᠭᠵᠢᠯᠲᠡ ᠵᠢᠨ ᠰᠡᠳᠬᠢᠴᠡ ᠵᠢ ᠲᠠᠨᠢᠯᠴᠠᠭᠤᠯᠤᠯ᠎ᠠ᠂ ᠢᠷᠡᠭᠡᠳᠦᠶ ᠵᠢᠨ ᠲᠦᠯᠦᠪᠵᠢᠯ ᠲᠤᠶ᠋ᠢᠯ᠎ᠤᠨ ᠰᠠᠷᠠᠭᠤᠯ ᠠᠭᠤᠳᠠᠮ᠂ ᠬᠠᠷᠠᠯᠲᠠ ᠮᠠᠰᠢ ᠲᠣᠳᠣᠷᠬᠠᠶ ᠪᠠᠶ᠋ᠢᠨ᠎ᠠ᠃ ᠯᠢ ᠳᠠᠷᠤᠭ᠎ᠠ ᠡ᠂ 2016 ᠣᠨ᠎ᠳᠤ ᠤᠯᠠᠭ᠋ᠠᠨᠬᠠᠳᠠ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠠᠵᠢᠯ᠎ᠳᠤ ᠶᠠᠮᠠᠷ ᠶᠠᠮᠠᠷ ᠰᠢᠨ᠎ᠡ ᠰᠡᠳᠬᠢᠴᠡ ᠪᠠ ᠬᠥᠭᠵᠢᠯᠲᠡ ᠵᠢᠨ ᠬᠠᠷᠠᠯᠲᠠ ᠲᠤᠭᠲᠠᠭ᠋ᠠᠭᠰᠠᠨ ᠪᠤᠢ?
      ᠯᠢ ᠽᠢ ᠰᠢᠤᠸᠠᠢ᠄
     2016 ᠣᠨ ᠪᠤᠯ 《13 · 5》 ᠵᠢᠨ ᠡᠬᠢᠯᠡᠯᠲᠡ ᠵᠢᠨ ᠵᠢᠯ ᠮᠥᠨ᠂ ᠰᠠᠢ᠍ᠢ᠍ᠠ ᠡᠬᠢᠯᠡᠭᠦᠯᠵᠦ ᠰᠠᠢ᠌ᠲᠤᠷ ᠠᠯᠬᠤᠬᠤ ᠪᠤᠯ ᠲᠤᠶ᠋ᠢᠯ᠎ᠤᠨ ᠴᠢᠬᠤᠯᠠ ᠶᠤᠮ᠃ ᠪᠦᠬᠦ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠰᠢᠰᠲ᠋ᠧᠮ ᠬᠤᠳᠠ ᠵᠢᠨ ᠨᠠᠮ᠎ᠤᠨ ᠬᠣᠷᠢᠶ᠎ᠠ᠂ ᠬᠤᠳᠡ ᠵᠢᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠬᠠᠷᠠᠯᠲᠠ ᠡᠭᠦᠷᠭᠡ ᠵᠢᠨ ᠶᠤᠰᠤᠭ᠋ᠠᠷ᠂ ᠨᠠᠷᠢᠨ ᠨᠢᠮᠪᠠᠶ ᠵᠣᠬᠢᠶᠠᠨ ᠪᠠᠶ᠋ᠢᠭᠤᠯᠵᠤ᠂ ᠨᠢᠭᠡᠳᠦᠯᠲᠡᠶ ᠲᠥᠯᠥᠪᠯᠡᠨ ᠠᠷᠭ᠎ᠠ ᠰᠠᠮᠪᠠᠭ᠎ᠠ ᠰᠦᠪᠡᠭᠴᠢᠯᠡᠵᠦ᠂ ᠬᠦᠴᠦᠨ ᠵᠶ᠋ᠠᠨ ᠲᠥᠪᠯᠡᠷᠡᠭᠦᠯᠦᠨ ᠭᠣᠣᠯᠳᠠᠯᠭ᠎ᠠ᠎ᠲᠠᠢ᠎ᠪᠠᠷ ᠰᠢᠪᠲᠤᠯᠤᠯᠲᠠ ᠬᠢᠵᠦ᠂ ᠲᠠᠷᠢᠶᠠᠯᠠᠩ ᠮᠠᠯ ᠠᠵᠤ ᠠᠬᠤᠶ ᠨᠡᠩ ᠬᠦᠴᠦᠷᠬᠡᠭᠵᠢᠭᠦᠯᠦᠨ᠂ ᠮᠠᠯᠴᠢᠨ ᠲᠠᠷᠢᠶᠠᠴᠢᠳ᠎ᠢ ᠨᠡᠩ ᠴᠢᠨᠡᠭᠡᠯᠢᠭᠵᠢᠭᠦᠯᠵᠦ᠂ ᠮᠠᠯᠵᠢᠬᠤ ᠲᠠᠷᠢᠶᠠᠯᠠᠬᠤ ᠤᠷᠤᠨ ᠵᠶ᠋ᠠᠨ ᠤᠯᠠᠮ ᠭᠤᠸ᠎ᠠ ᠰᠠᠢ᠌ᠬᠠᠨ ᠪᠤᠯᠭ᠋ᠠᠬᠤ᠎ᠪᠠᠷ ᠴᠢᠷᠮᠠᠢ᠌ᠨ᠎ᠠ᠃
      ᠵᠢᠱ᠌ᠢᠭᠰᠡᠨ ᠭᠣᠣᠯ ᠬᠠᠷᠠᠯᠲᠠ ᠪᠣᠯ᠄
     1 . ᠠᠮᠤ ᠪᠤᠳᠠᠭ᠋ᠠᠨ᠎ᠤ ᠶᠡᠷᠦᠩᠬᠡᠶ ᠤᠨᠠᠯᠲᠠ ᠵᠢ 100 ᠳ᠋ᠦᠩᠰᠢᠭᠤᠷ ᠵᠢᠩ᠎ᠠᠴᠠ ᠳᠡᠭᠡᠭᠰᠢ ᠲᠣᠭᠲᠠᠭᠤᠨ ᠪᠠᠶ᠋ᠢᠯᠭ᠋ᠠᠨ᠎ᠠ;
     2 . ᠵᠢᠷᠭᠤᠳᠤᠭ᠋ᠠᠷ ᠰᠠᠷ᠎ᠠ ᠵᠢᠨ ᠰᠡᠭᠦᠯᠴᠢ᠎ᠪᠠᠷ ᠪᠦᠬᠦ ᠬᠣᠲᠠ ᠵᠢᠨ ᠭᠡᠷ᠎ᠤᠨ ᠲᠡᠵᠢᠭᠡᠪᠦᠷᠢ ᠵᠢᠨ ᠲᠤᠭ᠎ᠠ ᠲᠤᠯᠤᠭ᠋ᠠᠢ ᠵᠢ 2200 ᠲᠦᠮᠡ᠎ᠠᠴᠠ ᠳᠡᠭᠡᠭᠰᠢ ᠲᠣᠭᠲᠠᠭᠤᠨ ᠪᠠᠶ᠋ᠢᠯᠭ᠋ᠠᠨ᠎ᠠ;
     3 . ᠪᠠᠶ᠋ᠢᠭ᠋ᠠᠯᠢ ᠵᠢᠨ ᠤᠷᠭᠤᠮᠠᠯ᠎ᠤᠨ ᠬᠤᠴᠢᠯᠭ᠎ᠠ ᠵᠢᠨ ᠬᠡᠮᠵᠢᠶ᠎ᠡ ᠵᠢ 59%᠎ᠳᠤ ᠬᠦᠷᠭᠡᠨ᠎ᠡ;
     4 . ᠮᠠᠯᠵᠢᠬᠤ ᠲᠠᠷᠢᠶᠠᠯᠠᠬᠤ ᠣᠷᠣᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠪᠦᠷᠢ ᠵᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠵᠢ 10%᠎ᠪᠠᠷ ᠨᠡᠮᠡᠭᠳᠡᠭᠦᠯᠦᠨ᠎ᠡ;
     5 . ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠶᠠᠰᠤ ᠴᠢᠨᠠᠷ᠎ᠤᠨ ᠠᠶᠤᠯ ᠥᠭᠡᠢ᠎ᠳᠤ ᠬᠦᠨᠳᠦ ᠶᠡᠬᠡ ᠠᠰᠠᠭᠤᠳᠠᠯ ᠭᠠᠷᠬᠤ ᠥᠭᠡᠢ ᠪᠠᠶ᠋ᠢᠬᠤ ᠵᠢ ᠦᠨᠡᠨᠬᠦ ᠪᠠᠲᠤᠯᠠᠵᠤ᠂ ᠣᠷᠣᠨ ᠪᠦᠰᠡ ᠵᠢᠨ ᠴᠢᠨᠠᠷᠲᠠᠶ ᠠᠮᠢᠲᠠᠨ᠎ᠤ ᠬᠢᠵᠢᠭ᠎ᠤᠨ ᠬᠦᠨᠳᠦ ᠶᠡᠬᠡ ᠪᠠᠶ᠋ᠢᠳᠠᠯ ᠭᠠᠷᠬᠤ ᠥᠭᠡᠢ ᠪᠠᠶ᠋ᠢᠬᠤ ᠵᠢ ᠦᠨᠡᠨᠬᠦ ᠪᠠᠲᠤᠯᠠᠨ᠎ᠠ᠃
      ᠬᠥᠲᠥᠯᠥᠭᠴᠢ᠄
      ᠯᠢ ᠳᠠᠷᠤᠭ᠎ᠠ ᠡ᠂ ᠪᠦᠬᠦ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠮᠥᠴᠢᠷ᠎ᠤᠨ᠎ᠬᠢᠨ ᠳᠡᠭᠡᠷ᠎ᠡ ᠳᠤᠷᠠᠳᠤᠭᠰᠠᠨ ᠬᠠᠷᠠᠯᠲᠠ ᠵᠢ ᠪᠡᠶᠡᠯᠡᠭᠦᠯᠬᠦ᠎ᠳᠤ ᠠᠯᠢ ᠬᠡᠳᠦᠨ ᠲᠠᠯ᠎ᠠ᠎ᠠᠴᠠ ᠭᠠᠷᠳᠠᠨ ᠬᠢᠬᠦ ᠲᠤᠬᠠᠢ ᠳᠠᠬᠢᠨ ᠨᠢᠭᠡ ᠤᠳᠠᠭ᠎ᠠ ᠲᠠᠨᠢᠯᠴᠠᠭᠤᠯᠤᠭ᠋ᠠᠳ ᠦᠭᠭᠦᠨ᠎ᠡ ᠤᠤ?
      ᠯᠢ ᠽᠢ ᠰᠢᠤᠸᠠᠢ᠄
     2016 ᠣᠨ᠎ᠳᠤ᠂ ᠪᠢᠳᠡ 《3661》 ᠢᠨᠵᠧᠨᠧᠷᠢᠩ ᠵᠶ᠋ᠡᠷ ᠭᠠᠷᠳᠠᠴᠠ ᠪᠣᠯᠭ᠋ᠠᠵᠤ᠂ ᠲᠠᠷᠢᠶᠠᠯᠠᠩ ᠮᠠᠯ ᠠᠵᠤ ᠠᠬᠤᠶ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠲᠦᠯᠬᠢᠨ ᠠᠬᠢᠭᠤᠯᠵᠤ᠂ ᠲᠠᠪᠤᠨ ᠶᠡᠬᠡ ᠠᠵᠤ ᠦᠢ᠍ᠯᠡᠰ᠎ᠤᠨ ᠰᠠᠭᠤᠷᠢᠨ ᠭᠠᠵᠠᠷ᠎ᠢ ᠪᠠᠢ᠌ᠭᠤᠯᠬᠤ; ᠲᠠᠷᠢᠶᠠᠯᠠᠩ ᠮᠠᠯ ᠠᠵᠤ ᠠᠬᠤᠶ ᠵᠢᠨ ᠡᠵᠡᠩᠨᠡᠯᠲᠡ ᠵᠢᠨ ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠯᠠᠪᠳᠠᠭᠤᠨ ᠵᠶ᠋ᠠᠷ ᠲᠦᠯᠬᠢᠨ ᠠᠬᠢᠭᠤᠯᠬᠤ; ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠥᠴᠦᠬᠡᠨ ᠴᠦ᠍ ᠰᠤᠯᠠᠷᠠᠭᠤᠯᠤᠰᠢ ᠦᠭᠡᠢ᠎ᠪᠠᠷ ᠰᠠᠶ᠋ᠢᠲᠤᠷ ᠠᠳᠬᠤᠵᠤ᠂ ᠮᠠᠯ ᠠᠵᠤ ᠠᠬᠤᠶ ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ ᠵᠢ ᠬᠦᠴᠦᠯᠡᠨ ᠠᠬᠢᠭᠤᠯᠬᠤ; ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ; ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰᠵᠢᠭᠰᠡᠨ ᠡᠵᠡᠩᠨᠡᠯᠲᠡ ᠵᠢ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ; ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠶᠠᠰᠤ ᠴᠢᠨᠠᠷ᠎ᠤᠨ ᠠᠶᠤᠯ ᠦᠭᠡᠢ ᠵᠢ ᠦᠨᠡᠨ ᠬᠦ᠌ ᠪᠠᠲᠤᠯᠠᠬᠤ; ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠴᠦ ᠳᠡᠯᠭᠡᠷᠡᠭᠦᠯᠬᠦ ᠪᠠ ᠴᠢᠳᠠᠪᠤᠷᠢᠲᠠᠨ᠎ᠢ ᠬᠥᠮᠦᠵᠢᠭᠦᠯᠦᠨ ᠪᠣᠶ᠋ᠢᠵᠢᠭᠤᠯᠬᠤ ᠵᠡᠷᠭᠡ 8 ᠲᠠᠯ᠎ᠠ ᠵᠢᠨ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠨ᠎ᠡ᠃
      ᠬᠥᠲᠥᠯᠥᠭᠴᠢ᠄
      ᠯᠢ ᠳᠠᠷᠤᠭ᠎ᠠ ᠡ᠂ ᠰᠠᠶᠢᠬᠠᠨ ᠲᠠ ᠤᠯᠠᠭ᠋ᠠᠨᠬᠠᠳᠠ ᠬᠣᠲᠠ ᠡᠨᠡ ᠵᠢᠯ ᠲᠠᠪᠤᠨ ᠶᠡᠬᠡ ᠠᠵᠤ ᠦᠢ᠍ᠯᠡᠰ᠎ᠤᠨ ᠰᠠᠭᠤᠷᠢᠨ ᠭᠠᠵᠠᠷ ᠪᠠᠶ᠋ᠢᠭᠤᠯᠬᠤ ᠪᠣᠯᠣᠨ᠎ᠠ ᠭᠡᠵᠦ ᠳᠤᠷᠠᠳᠤᠯ᠎ᠠ᠂ ᠤᠯᠠᠨ᠎ᠳᠤ ᠨᠠᠷᠢᠯᠠᠭ ᠲᠠᠨᠢᠯᠴᠠᠭᠤᠯᠤᠭ᠋ᠠᠳ ᠥᠭᠭᠦᠨ᠎ᠡ ᠦᠦ?
      ᠯᠢ ᠽᠢ ᠰᠢᠤᠸᠠᠢ᠄
      ᠪᠣᠯᠣᠨ᠎ᠠ᠃ ᠡᠨᠡ ᠵᠢᠯ᠎ᠤᠨ ᠭᠣᠣᠯᠳᠠᠯᠭ᠎ᠠ᠎ᠲᠠᠢ ᠪᠥᠲᠦᠭᠡᠨ ᠪᠠᠢ᠌ᠭᠤᠯᠬᠤ ᠲᠠᠪᠤᠨ ᠶᠡᠬᠡ ᠠᠵᠤ ᠦᠢ᠍ᠯᠡᠰ᠎ᠤᠨ ᠰᠠᠭᠤᠷᠢᠨ ᠭᠠᠵᠠᠷ ᠭᠡᠪᠡᠯ᠄ ᠨᠢᠭᠡ᠎ᠳᠤ ᠪᠡᠯᠡᠳᠭᠡᠮᠵᠢᠳᠤ ᠲᠠᠷᠢᠶᠠᠯᠠᠩ᠎ᠤᠨ ᠰᠠᠭᠤᠷᠢᠨ ᠭᠠᠵᠠᠷ ᠪᠣᠯᠣᠨ᠎ᠠ᠃ ᠵᠢᠯ᠎ᠤᠨ ᠳᠣᠲᠣᠷ᠎ᠠ᠂ ᠪᠦᠬᠦ ᠬᠣᠲᠠ᠎ᠳᠤ ᠪᠡᠯᠡᠳᠬᠡᠮᠵᠢᠳᠦ ᠲᠠᠷᠢᠶᠠᠯᠠᠩ᠎ᠢ 20 ᠲᠦᠮᠡᠨ ᠮᠤ᠌ ᠰᠢᠨ᠎ᠡ᠎ᠪᠠᠷ ᠨᠡᠮᠡᠭᠳᠡᠭᠦᠯᠦᠨ᠎ᠡ᠃ ᠪᠡᠯᠡᠳᠬᠡᠮᠵᠢᠲᠦ ᠲᠠᠷᠢᠶᠠᠯᠠᠩ᠎ᠤᠨ ᠬᠥᠭᠵᠢᠯᠲᠡ ᠪᠣᠯᠤᠨ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠨ᠂ ᠪᠡᠯᠡᠳᠭᠡᠮᠵᠢᠳᠤ ᠲᠠᠷᠢᠶᠠᠯᠠᠩ᠎ᠤᠨ ᠪᠥᠳᠥᠭᠡᠨ ᠪᠠᠶ᠋ᠢᠭᠤᠯᠤᠯᠲᠠ ᠵᠢᠨ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠭᠠᠵᠠᠷ ᠲᠣᠬᠢᠷᠠᠭᠤᠯᠤᠨ ᠲᠥᠯᠥᠪᠵᠢᠭᠦᠯᠬᠦ᠂ ᠤᠰᠤ ᠴᠠᠬᠢᠯᠭ᠋ᠠᠨ ᠰᠠᠭᠤᠷᠢ ᠪᠡᠯᠡᠳᠬᠡᠮᠵᠢ ᠵᠢ ᠢᠵᠢ ᠪᠦᠷᠢᠳᠦᠭᠦᠯᠬᠦ᠂ ᠪᠦᠳᠦᠭᠡᠨ ᠪᠠᠶ᠋ᠢᠭᠤᠯᠤᠯᠲᠠ ᠵᠢᠨ ᠪᠡᠯᠡ ᠮᠥᠩᠭᠥ ᠵᠢ ᠴᠤᠭᠯᠠᠭᠤᠯᠬᠤ ᠵᠡᠷᠭᠡ ᠠᠵᠢᠯ᠎ᠢ ᠰᠠᠢ᠌ᠲᠤᠷ ᠬᠢᠨ᠎ᠡ᠃ ᠪᠡᠯᠡᠳᠬᠡᠮᠵᠢᠳᠦ ᠲᠠᠷᠢᠶᠠᠯᠠᠩ᠎ᠤᠨ ᠲᠠᠷᠢᠮᠠᠯ᠎ᠤᠨ ᠪᠦᠲᠦᠴᠡ ᠵᠢ ᠰᠢᠯᠢᠳᠡᠭᠵᠢᠭᠦᠯᠦᠨ᠂ ᠭᠣᠣᠯ ᠢᠳᠡᠰᠢᠨ ᠨᠣᠭᠣᠭ᠋ᠠᠨ᠎ᠤ ᠲᠥᠷᠦᠯ ᠵᠦᠢ᠍ᠯ᠎ᠤᠨ ᠭᠠᠷᠤᠯᠲᠠ ᠵᠢᠨ ᠣᠷᠣᠨ᠎ᠤ ᠳᠠᠪᠠᠭᠤᠯᠢᠭ ᠲᠠᠯ᠎ᠠ᠎ᠪᠠᠨ ᠪᠠᠲᠤᠯᠠᠬᠤ ᠵᠢᠨ ᠬᠠᠮᠲᠤ᠂ ᠢᠳᠡᠰᠢᠨ ᠮᠦᠭᠦ᠂ ᠴᠡᠴᠡᠭ ᠡᠪᠡᠰᠦ᠂ ᠵᠢᠮᠢᠰ᠎ᠤᠨ ᠮᠣᠳᠣ ᠵᠡᠷᠭᠡ ᠤᠨᠴᠠᠯᠢᠭᠳᠤ ᠲᠠᠷᠢᠮᠠᠯ᠎ᠤᠨ ᠲᠠᠯᠠᠪᠠᠢ ᠵᠢ ᠯᠠᠪᠳᠠᠭᠤᠨ ᠵᠶ᠋ᠠᠷ ᠥᠷᠭᠡᠳᠬᠡᠵᠦ᠂ ᠪᠡᠯᠡᠳᠬᠡᠮᠵᠢᠲᠦ ᠲᠠᠷᠢᠶᠠᠯᠠᠩ᠎ᠤᠨ ᠬᠥᠭᠵᠢᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠦᠨ᠎ᠡ᠃ ᠬᠣᠶᠠᠷ᠎ᠲᠤ ᠴᠢᠨᠠᠷ ᠰᠠᠶ᠋ᠢᠲᠠᠶ ᠲᠡᠵᠢᠭᠡᠯ ᠡᠪᠡᠰᠦ ᠲᠡᠷᠢᠬᠤ ᠰᠠᠭᠤᠷᠢᠨ ᠭᠠᠵᠠᠷ ᠪᠣᠯᠣᠨ᠎ᠠ᠃ ᠤᠮᠠᠷᠠᠲᠤ ᠪᠡᠶ᠎ᠡ ᠵᠢᠨ ᠣᠰᠣᠨ᠎ᠤ ᠡᠬᠢ ᠰᠤᠷᠪᠤᠯᠵᠢ ᠵᠢᠨ ᠨᠥᠬᠥᠴᠡᠯ ᠵᠶ᠋ᠠᠷ ᠨᠡᠯᠢᠶᠡᠳ ᠰᠠᠢ᠍ᠢ᠍ᠨ ᠭᠠᠵᠠᠷ ᠣᠷᠣᠨ᠎ᠳᠤ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠮᠠᠯ ᠡᠪᠡᠰᠦᠨ᠎ᠤ ᠬᠥᠭᠵᠢᠭᠦᠯᠦᠯᠲᠡ ᠵᠢ ᠲᠥᠷᠭᠡᠳᠬᠡᠵᠦ᠂ ᠬᠡᠰᠡᠭ ᠵᠶ᠋ᠠᠷ ᠨᠡᠭᠡᠭᠡᠵᠦ᠂ ᠨᠡᠶ᠋ᠢᠳᠡᠮ᠎ᠳᠤᠨᠢ ᠬᠠᠮᠠᠭ᠋ᠠᠯᠠᠬᠤ᠎ᠪᠠᠷ ᠳᠠᠮᠵᠢᠭᠤᠯᠤᠨ᠂ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠬᠢᠭᠡᠳ ᠬᠥᠮᠦᠨ᠎ᠤ ᠬᠦᠴᠦ᠎ᠪᠠᠷ ᠡᠪᠡᠰᠦ ᠲᠡᠷᠢᠬᠤ ᠵᠢ ᠬᠠᠷᠢᠯᠴᠠᠨ ᠤᠶᠠᠯᠳᠤᠭᠤᠯᠤᠭᠰᠠᠨ ᠰᠢᠨ᠎ᠡ ᠵᠠᠮ᠎ᠢ ᠬᠠᠢ᠌ᠨ ᠰᠦᠪᠡᠭᠴᠢᠯᠡᠵᠦ᠂ ᠴᠢᠨᠠᠷ ᠰᠠᠶ᠋ᠢᠲᠠᠶ ᠲᠠᠷᠢᠮᠠᠯ ᠪᠣᠷᠣ ᠬᠣᠰᠢᠶᠠᠩᠭᠤᠷ ᠵᠢ 20 ᠲᠦᠮᠡᠨ ᠮᠣ᠌ ᠰᠢᠨ᠎ᠡ᠎ᠪᠠᠷ ᠨᠡᠮᠡᠭᠳᠡᠭᠦᠯᠦᠨ᠎ᠡ᠃ ᠭᠤᠷᠪᠠ᠎ᠳᠤ ᠴᠢᠨᠠᠷ ᠰᠠᠶ᠋ᠢᠲᠠᠶ ᠦᠬᠡᠷ ᠬᠣᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠣᠯᠣᠨ᠎ᠠ᠃ ᠵᠢᠵᠢᠭ ᠰᠡᠭᠦᠯᠲᠦ ᠲᠠᠪᠡᠬ ᠰᠡᠬᠦᠯᠳᠦ ᠬᠤᠨᠢ᠂ ᠴᠢᠨᠠᠷ ᠮᠠᠭᠤᠲᠠᠢ ᠢᠮᠠᠭ᠎ᠠ ᠵᠢ ᠲᠦᠷᠭᠡᠳᠬᠡᠨ ᠰᠢᠭᠰᠢᠭᠳᠡᠭᠦᠯᠵᠦ᠂ 《ᠵᠣᠣ ᠤᠳᠠ》 ᠵᠡᠷᠭᠡ ᠴᠢᠨᠠᠷ ᠰᠠᠶ᠋ᠢᠲᠠᠶ ᠮᠢᠬ᠎ᠠ ᠨᠣᠣᠰᠣ ᠬᠣᠣᠰᠯᠠᠭᠰᠠᠨ ᠡᠭᠦᠯᠳᠡᠷ᠎ᠢ ᠶᠡᠬᠡᠪᠡᠷ ᠳᠡᠯᠭᠡᠷᠡᠭᠦᠯᠦᠨ᠎ᠡ᠃ ᠴᠢᠨᠠᠷ ᠰᠠᠶ᠋ᠢᠲᠠᠶ ᠢᠳᠡᠰᠢᠨ ᠦᠬᠡᠷ᠎ᠤᠨ ᠡᠭᠦᠯᠳᠡᠷ᠎ᠢ ᠢᠳᠡᠪᠬᠢᠲᠡᠶ᠎ᠪᠠᠷ ᠣᠷᠣᠭᠤᠯᠤᠨ ᠠᠪᠴᠢᠷᠠᠵᠤ᠂ ᠴᠢᠨᠠᠷ᠎ᠢ ᠰᠠᠶ᠋ᠢᠵᠢᠷᠠᠭᠤᠯᠬᠤ ᠠᠯᠬᠤᠴᠠ᠎ᠪᠠᠨ ᠲᠦᠷᠭᠡᠳᠬᠡᠨ᠂ ᠴᠢᠨᠠᠷ ᠰᠠᠶ᠋ᠢᠲᠠᠶ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ᠎ᠪᠠᠨ ᠥᠷᠭᠡᠳᠬᠡᠨ᠎ᠡ᠃ ᠤᠯᠤᠰ᠎ᠤᠨ 《ᠠᠮᠤ ᠪᠣᠳᠠᠭ᠎ᠠ ᠵᠢ ᠲᠡᠵᠢᠭᠡᠯ ᠪᠣᠷᠳᠣᠭ᠎ᠠ ᠪᠣᠯᠭ᠋ᠠᠨ ᠥᠭᠡᠷᠡᠴᠢᠯᠡᠵᠦ》 ᠮᠠᠯ ᠰᠦᠷᠦᠭ᠎ᠢ ᠲᠡᠵᠢᠭᠡᠨ ᠬᠥᠭᠵᠢᠭᠦᠯᠬᠦ᠎ᠪᠠᠷ ᠠᠵᠠ ᠲᠣᠬᠢᠶᠠᠯ ᠪᠣᠯᠭ᠋ᠠᠨ᠂ ᠮᠠᠯᠴᠢᠨ ᠲᠠᠷᠢᠶᠠᠴᠢᠳ᠎ᠤᠨ ᠦᠬᠡᠷ᠂ ᠬᠣᠨᠢᠨ᠎ᠤ ᠬᠠᠰᠢᠶ᠎ᠠ ᠰᠠᠷᠠᠪᠴᠢ ᠪᠣᠯᠣᠨ ᠲᠡᠵᠢᠭᠡᠯ ᠪᠣᠷᠳᠣᠭ᠎ᠠ ᠵᠢ ᠨᠣᠭᠣᠭ᠋ᠠᠨ ᠵᠶ᠋ᠠᠷ ᠳᠠᠷᠤᠰᠢᠭᠤᠯᠬᠤ ᠪᠡᠯᠡᠳᠬᠡᠮᠵᠢ ᠪᠠᠢ᠌ᠭᠤᠯᠬᠤ ᠵᠢ ᠳᠡᠮᠵᠢᠵᠦ᠂ ᠬᠠᠰᠢᠶᠠᠯᠠᠨ ᠲᠡᠵᠢᠭᠡᠬᠦ ᠬᠡᠪᠴᠢᠶ᠎ᠡ ᠵᠢ ᠥᠷᠭᠡᠳᠬᠡᠨ᠎ᠡ᠃ ᠵᠢᠯ᠎ᠤᠨ ᠳᠣᠲᠣᠷ᠎ᠠ ᠴᠢᠨᠠᠷ ᠰᠠᠶ᠋ᠢᠲᠠᠶ ᠦᠬᠡᠷ 153 ᠲᠥᠮᠡᠨ ᠲᠣᠯᠣᠭ᠋ᠠᠢ᠂ ᠴᠢᠨᠠᠷ ᠰᠠᠶ᠋ᠢᠲᠠᠶ   ᠬᠤᠨᠢ ᠢᠮᠠᠭ᠎ᠠ 810 ᠲᠦᠮᠡᠨ ᠲᠣᠭ᠎ᠠ ᠲᠣᠯᠣᠭ᠋ᠠᠢ ᠪᠣᠷᠣᠯᠠᠭᠣᠯᠣᠨ᠎ᠠ᠃ ᠲᠦᠷᠪᠡ᠎ᠳᠤ ᠴᠢᠨᠠᠷ ᠰᠠᠶ᠋ᠢᠲᠠᠶ ᠭᠠᠬᠠᠶ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠣᠯᠣᠨ᠎ᠠ᠃ ᠳᠤᠮᠳᠠᠳᠤ ᠤᠯᠤᠰ᠎ᠤᠨ ᠠᠮᠤ ᠪᠤᠳᠠᠭ᠋ᠠᠨ᠎ᠤ ᠪᠦᠯᠦᠭᠯᠡᠯ᠂ ᠭᠤᠸᠠᠩᠳᠦ᠋ᠩ᠎ᠤᠨ ᠸᠸᠨ ᠱ᠌ᠢ᠂ ᠵᠢᠶᠠᠩᠰᠦ ᠵᠢᠨ ᠢᠦᠢ ᠷᠦᠨ᠂ ᠵᠢᠶᠠ ᠢᠦᠢ ᠵᠥᠨᠭ ᠵᠦ᠍ ᠵᠡᠷᠭᠡ ᠠᠵᠤ ᠠᠬᠤᠶ᠋ᠢᠯᠠᠯ᠎ᠳᠤ ᠲᠦᠰᠢᠭᠯᠡᠨ᠂ ᠲᠠᠷᠢᠶᠠᠴᠢᠨ ᠮᠠᠯᠴᠢᠳ᠎ᠤᠨ ᠳᠡᠭᠡᠳᠦ ᠪᠠᠷᠢᠮᠵᠢᠶᠠᠲᠤ᠂ ᠵᠢᠷᠤᠮᠵᠢᠭᠰᠠᠨ ᠲᠡᠵᠢᠭᠡᠨ ᠦᠷᠡᠵᠢᠭᠦᠯᠬᠦ ᠲᠣᠭᠣᠷᠢᠭ ᠪᠠᠢ᠌ᠭᠤᠯᠬᠤ ᠵᠢ ᠵᠣᠷᠢᠭᠵᠢᠭᠣᠯᠣᠨ᠂ ᠠᠵᠤ ᠠᠬᠤᠶ᠋ᠢᠯᠠᠯ᠎ᠤᠨ ᠵᠠᠬᠢᠶᠠᠯᠠᠭ᠎ᠠ ᠵᠢᠨ ᠬᠡᠯᠪᠡᠷᠢ ᠵᠢᠨ ᠭᠠᠬᠠᠶ ᠲᠡᠵᠢᠭᠡᠬᠦ ᠬᠡᠪᠴᠢᠶ᠎ᠡ ᠵᠢ ᠥᠷᠭᠡᠳᠬᠡᠵᠦ᠂ ᠭᠠᠬᠠᠶ ᠲᠡᠵᠢᠭᠡᠨ ᠦᠷᠡᠵᠢᠭᠦᠯᠬᠦ 40 ᠲᠣᠭᠣᠷᠢᠭ᠎ᠢ ᠰᠢᠨ᠎ᠡ᠎ᠪᠠᠷ ᠪᠠᠢ᠌ᠭᠤᠯᠵᠤ᠂ ᠵᠢᠯ᠎ᠤᠨ ᠳᠣᠲᠣᠷ᠎ᠠ 550 ᠲᠥᠮᠡᠨ ᠭᠠᠬᠠᠶ ᠪᠣᠷᠣᠯᠠᠭᠤᠯᠤᠨ᠎ᠠ᠃ ᠲᠠᠪᠤ᠎ᠳᠤ ᠣᠨᠴᠠᠯᠢᠭ ᠪᠦᠬᠦᠢ ᠠᠵᠤ ᠦᠢ᠍ᠯᠡᠰ᠎ᠤᠨ ᠰᠠᠭᠤᠷᠢᠨ ᠭᠠᠵᠠᠷ ᠪᠣᠯᠣᠨ᠎ᠠ᠃ ᠲᠠᠷᠢᠶᠠᠴᠢᠨ ᠮᠠᠯᠴᠢᠳ᠎ᠤᠨ ᠲᠣᠯᠣᠭ᠋ᠠᠢ᠌ᠯᠠᠭᠴᠢ ᠠᠵᠤ ᠠᠬᠤᠶ᠋ᠢᠯᠠᠯ ᠪᠣᠯᠣᠨ ᠬᠠᠮᠲᠤᠷᠠᠨ ᠠᠵᠢᠯᠯᠠᠬᠤ ᠵᠣᠬᠢᠶᠠᠨ ᠪᠠᠶ᠋ᠢᠭᠤᠯᠤᠯᠲᠠ᠎ᠳᠤ ᠲᠦᠰᠢᠭᠯᠡᠬᠥ ᠵᠢ ᠵᠣᠷᠢᠭᠵᠢᠭᠤᠯᠵᠤ᠂ ᠲᠤᠬᠠᠶ ᠵᠢᠨ ᠭᠠᠵᠠᠷ᠎ᠲᠤᠨᠢ ᠲᠣᠬᠢᠷᠠᠭᠤᠯᠤᠨ ᠲᠥᠮᠥᠰᠥ᠂ ᠬᠢᠲᠠᠳ ᠡᠮ᠎ᠤᠨ ᠮᠠᠲ᠋ᠧᠷᠢᠶᠠᠯ᠂ ᠰᠢᠬᠢᠷ ᠯᠤᠤᠪᠠᠩ᠂ ᠢᠳᠡᠰᠢᠨ᠎ᠤ ᠡᠯᠵᠢᠭᠡ ᠵᠡᠷᠭᠡ ᠣᠨᠴᠠᠯᠢᠭ ᠪᠥᠬᠦᠢ ᠠᠵᠤ ᠦᠢ᠍ᠯᠡᠰ᠎ᠢ ᠬᠥᠭᠵᠢᠭᠦᠯᠦᠨ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠠᠵᠤ ᠦᠢ᠍ᠯᠡᠰ᠎ᠤᠨ ᠰᠠᠭᠤᠷᠢᠨ ᠭᠠᠵᠠᠷ᠎ᠤᠨ ᠪᠥᠳᠥᠭᠡᠨ ᠪᠠᠶ᠋ᠢᠭᠤᠯᠤᠯᠲᠠ ᠵᠢ ᠲᠥᠷᠭᠡᠳᠬᠡᠵᠦ᠂ ᠠᠵᠤ ᠦᠢ᠍ᠯᠡᠰ᠎ᠤᠨ ᠥᠷᠢᠰᠥᠯᠳᠦᠭᠡᠨ᠎ᠤ ᠳᠠᠪᠠᠭᠤᠯᠢᠭ᠎ᠢ ᠲᠦᠷᠭᠡᠬᠡᠨ ᠪᠤᠢ ᠪᠣᠯᠭ᠋ᠠᠵᠤ᠂ ᠲᠠᠷᠢᠶᠠᠴᠢᠨ ᠮᠠᠯᠴᠢᠳ᠎ᠤᠨ ᠣᠷᠣᠯᠭ᠎ᠠ ᠵᠢ ᠤᠯᠠᠨ ᠠᠷᠭ᠎ᠠ ᠵᠠᠮ ᠵᠶ᠋ᠠᠷ ᠨᠡᠮᠡᠭᠳᠡᠭᠦᠯᠦᠨ᠎ᠡ᠃
      ᠬᠥᠲᠥᠯᠥᠭᠴᠢ᠄
      ᠯᠢ ᠳᠠᠷᠤᠭ᠎ᠠ ᠡ᠂ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰᠵᠢᠭᠰᠡᠨ ᠡᠵᠡᠩᠨᠡᠯᠲᠡ ᠵᠢ ᠲᠦᠯᠬᠢᠨ ᠠᠬᠢᠭᠤᠯᠬᠤ ᠪᠣᠯ ᠶᠡᠷᠦ᠎ᠠᠴᠠ ᠤᠯᠠᠭ᠋ᠠᠨᠬᠠᠳᠠ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠠᠵᠢᠯ᠎ᠤᠨ ᠭᠣᠣᠯᠳᠠᠯᠭ᠎ᠠ ᠪᠣᠯᠤᠭᠰᠠᠭ᠋ᠠᠷ ᠢᠷᠡᠵᠡᠢ᠃ ᠲᠡᠭᠡᠪᠡᠯ ᠡᠨᠡ ᠵᠢᠯ ᠡᠨᠡ ᠲᠠᠯ᠎ᠠ᠎ᠪᠠᠷ ᠶᠠᠮᠠᠷ ᠠᠷᠭ᠎ᠠ ᠪᠠᠷᠢᠯ ᠠᠪᠬᠤ ᠭᠡᠵᠦ ᠪᠠᠢ᠌ᠬᠤ ᠪᠤᠢ?
      ᠯᠢ ᠽᠢ ᠰᠢᠦᠸᠠᠢ᠄
      ᠨᠢᠭᠡ᠎ᠳᠤ ᠠᠰᠢᠭ ᠲᠤᠰᠠ ᠵᠢ ᠬᠣᠯᠪᠣᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠲᠦᠷᠦ ᠵᠢᠨ ᠪᠤᠳᠤᠯᠭ᠎ᠠ ᠵᠢᠨ ᠤᠳᠤᠷᠢᠳᠤᠮᠵᠢ ᠵᠢ ᠴᠢᠩᠭ᠋ᠠᠳᠬᠠᠵᠤ᠂ ᠲᠣᠯᠤᠭ᠋ᠠᠢ᠌ᠯᠠᠭᠴᠢ ᠠᠵᠤ ᠠᠬᠤᠶ᠋ᠢᠯᠠᠯ᠎ᠢ ᠮᠠᠭ᠋ᠠᠳᠯᠠᠬᠤ᠂ ᠲᠤᠢ᠍ᠷᠦᠯ ᠵᠦᠢ᠍ᠯ᠎ᠢ ᠳᠡᠳᠬᠦᠨ ᠳᠡᠮᠵᠢᠬᠦ᠂ ᠰᠢᠯᠢᠳᠡᠭ᠎ᠢ ᠰᠢᠯᠭ᠋ᠠᠷᠠᠭᠤᠯᠵᠤ ᠬᠥᠬᠢᠭᠦᠯᠦᠨ ᠰᠠᠶ᠋ᠢᠰᠢᠶᠠᠬᠤ ᠪᠠ ᠤᠬᠠᠭᠤᠯᠤᠨ ᠮᠡᠳᠡᠭᠡᠯᠡᠬᠦ ᠵᠡᠷᠭᠡ ᠲᠠᠯ᠎ᠠ᠎ᠪᠠᠷ᠂ ᠠᠰᠢᠭ ᠲᠤᠰᠠ ᠵᠢᠨ ᠨᠢᠭᠲᠠ ᠬᠣᠯᠪᠤᠭ᠎ᠠ᠎ᠲᠠᠢ᠂ ᠳᠠᠶ᠋ᠢᠴᠢᠯᠠᠬᠤ ᠴᠢᠳᠠᠪᠤᠷᠢ᠎ᠲᠠᠢ ᠲᠣᠯᠣᠭ᠋ᠠᠶ᠋ᠢᠯᠠᠭᠴᠢ ᠠᠵᠤ ᠠᠬᠤᠶ᠋ᠢᠯᠠᠯ᠎ᠢ ᠤᠷᠢᠳᠠᠪᠠᠷ ᠳᠡᠮᠵᠢᠨ᠎ᠡ; ᠲᠣᠯᠣᠭ᠋ᠠᠶ᠋ᠢᠯᠠᠭᠴᠢ ᠠᠵᠤ ᠠᠬᠤᠶ᠋ᠢᠯᠠᠯ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠪᠠᠲᠤᠯᠠᠭ᠋ᠠᠲᠤ ᠦᠨ᠎ᠡ᠎ᠪᠠᠷ ᠬᠤᠳᠠᠯᠳᠤᠨ ᠠᠪᠬᠤ᠂ ᠠᠰᠢᠭ ᠬᠣᠨᠵᠢᠪᠣᠷᠢ ᠵᠢ ᠡᠭᠡᠭᠦᠯᠦᠨ ᠪᠤᠴᠠᠭ᠋ᠠᠬᠤ᠂ ᠵᠠᠬᠢᠶᠠᠯᠠᠭ᠎ᠠ ᠵᠢᠨ ᠲᠠᠷᠢᠶᠠᠯᠠᠩ ᠪᠠ ᠬᠤᠪᠢ ᠤᠷᠤᠭᠤᠯᠤᠨ ᠬᠤᠷᠰᠢᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ᠎ᠯᠤᠭ᠎ᠠ ᠠᠰᠢᠭ ᠲᠤᠰᠠ ᠵᠢᠨ ᠨᠢᠭᠲᠠ ᠬᠣᠯᠪᠤᠭ᠎ᠠ᠎ᠲᠠᠢ ᠲᠣᠭᠲᠠᠴᠠ ᠵᠢ ᠪᠠᠶ᠋ᠢᠭᠤᠯᠵᠤ᠂ ᠮᠠᠯᠴᠢᠨ ᠲᠠᠷᠢᠶᠠᠴᠢᠨ᠎ᠢ ᠲᠠᠢ᠍ᠢ᠍ᠴᠢᠯᠠᠨ ᠣᠷᠣᠯᠭ᠎ᠠ ᠵᠢ᠎ᠨᠢ ᠨᠡᠮᠡᠭᠳᠡᠭᠦᠯᠬᠦ ᠬᠡᠷᠡᠭᠲᠡᠢ᠃
      ᠬᠣᠶᠠᠷ᠎ᠲᠤ 《ᠲᠣᠯᠤᠭ᠋ᠠᠢ᠌ᠯᠠᠭᠴᠢ ᠠᠵᠤ ᠠᠬᠤᠶ᠋ᠢᠯᠠᠯ᠎ᠤᠨ ᠳᠠᠶ᠋ᠢᠴᠢᠯᠠᠬᠤ ᠴᠢᠳᠠᠪᠤᠷᠢ ᠵᠢ ᠳᠡᠭᠡᠭᠰᠢᠯᠡᠭᠦᠯᠬᠦ ᠢᠨᠵᠧᠨᠧᠷᠢᠩ》᠎ᠢ ᠦᠷᠭᠦᠯᠵᠢᠯᠡᠨ ᠬᠡᠷᠡᠭᠵᠢᠭᠦᠯᠦᠨ᠎ᠡ᠃ ᠰᠠᠭᠤᠷᠢᠨ ᠭᠠᠵᠠᠷ᠎ᠢ ᠪᠥᠳᠥᠭᠡᠨ ᠪᠠᠢ᠌ᠭᠤᠯᠬᠤ᠂ ᠲᠥᠷᠥᠯ ᠵᠦᠢ᠍ᠯ᠎ᠢ ᠪᠥᠳᠥᠭᠡᠨ ᠪᠠᠢ᠌ᠭᠤᠯᠬᠤ᠂ ᠬᠦᠷᠢᠶᠡᠯᠡᠩ ᠲᠣᠭᠣᠷᠢᠭ᠎ᠲᠤ ᠲᠥᠪᠯᠡᠷᠡᠭᠦᠯᠬᠦ ᠵᠡᠷᠭᠡ ᠠᠷᠭ᠎ᠠ ᠪᠠᠷᠢᠯ ᠵᠶ᠋ᠠᠷ ᠳᠠᠮᠵᠢᠭᠤᠯᠵᠤ᠂ ᠲᠣᠯᠤᠭ᠋ᠠᠢ᠌ᠯᠠᠭᠴᠢ ᠠᠵᠤ ᠠᠬᠤᠶ᠋ᠢᠯᠠᠯ᠎ᠤᠨ ᠨᠥᠯᠥᠭᠡᠯᠡᠨ ᠳᠠᠶ᠋ᠢᠴᠢᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠲᠣᠯᠤᠭ᠋ᠠᠢ᠌ᠯᠠᠭᠴᠢ ᠠᠵᠤ ᠠᠬᠤᠶ᠋ᠢᠯᠠᠯ᠎ᠤᠨ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨᠵᠡᠭᠡᠶ ᠡᠳ᠋ᠰᠢᠭᠦᠯᠬᠦ ᠵᠢ ᠶᠡᠬᠡᠪᠡᠷ ᠬᠦᠭᠵᠢᠭᠦᠯᠬᠦ ᠵᠢ ᠵᠣᠷᠢᠭᠵᠢᠭᠤᠯᠤᠨ ᠳᠡᠳᠬᠦᠵᠦ᠂ ᠡᠷᠳᠡᠨᠢ ᠰᠢᠰᠢ᠂ ᠮᠢᠬᠠᠨ᠎ᠤ ᠵᠦᠢ᠍ᠯ᠂ ᠪᠡᠯᠴᠢᠭᠡᠷ ᠡᠪᠡᠰᠦ ᠵᠡᠷᠭᠡ ᠭᠣᠣᠯ ᠪᠣᠯᠬᠤ ᠳᠠᠪᠠᠭᠤᠯᠢᠭ ᠲᠠᠷᠢᠶᠠᠯᠠᠩ᠎ᠤᠨ ᠪᠦᠲᠦᠬᠡᠭᠳᠡᠬᠦᠨ ᠮᠠᠯ᠎ᠤᠨ ᠠᠰᠢᠭ ᠰᠢᠮ᠎ᠡ ᠵᠢ ᠲᠤᠰ ᠭᠠᠵᠠᠷ᠎ᠲᠤᠨᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠵᠢ ᠳᠡᠭᠡᠭᠰᠢᠯᠡᠭᠦᠯᠦᠨ᠎ᠡ᠃
      ᠭᠤᠷᠪᠠ᠎ᠳᠤ ᠨᠡᠷᠡᠲᠦ ᠲᠡᠮᠳᠡᠭᠲᠦ ᠵᠢᠨ ᠪᠠᠶ᠋ᠢᠭᠤᠯᠤᠯᠲᠠ ᠵᠢᠨ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠤᠨ᠎ᠠ᠃ ᠪᠣᠬᠢᠷᠲᠤᠯ ᠦᠭᠡᠢ ᠲᠠᠷᠢᠶᠠᠯᠠᠩ᠂ ᠦᠪᠡᠷᠮᠢᠴᠡ ᠣᠨᠴᠠᠯᠢᠭᠲᠤ ᠲᠠᠷᠢᠶᠠᠯᠠᠩ ᠪᠠ ᠨᠡᠷᠡᠲᠦ ᠲᠡᠮᠳᠡᠭᠲᠦ ᠲᠠᠷᠢᠶᠠᠯᠠᠩ᠎ᠢ ᠶᠡᠬᠡᠪᠡᠷ ᠬᠦᠭᠵᠢᠭᠦᠯᠦᠨ᠂ ᠨᠢᠭᠡ ᠪᠦᠯᠦᠭ ᠨᠡᠯᠢᠶᠡᠳ ᠴᠢᠩᠭ᠎ᠠ ᠨᠥᠯᠥᠭᠡᠯᠡᠬᠦ ᠬᠦᠴᠦᠨ ᠪᠦᠬᠦᠢ ᠨᠡᠷᠡᠲᠦ ᠲᠡᠮᠳᠡᠭᠲᠦ ᠵᠢ ᠲᠦᠷᠭᠡᠨ ᠪᠣᠢ᠌ᠵᠢᠭᠤᠯᠵᠤ᠂ ᠪᠦᠬᠦ ᠬᠣᠲᠠ ᠵᠢᠨ ᠲᠠᠷᠢᠶᠠᠯᠠᠩ᠎ᠤᠨ ᠪᠦᠲᠦᠬᠡᠭᠳᠡᠬᠦᠨ ᠮᠠᠯ᠎ᠤᠨ ᠠᠰᠢᠭ ᠰᠢᠮ᠎ᠡ ᠵᠢᠨ ᠵᠠᠬ᠎ᠠ ᠳᠡᠯᠭᠡᠭᠦᠷ᠎ᠤᠨ ᠥᠷᠢᠰᠥᠯᠳᠦᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠬᠤᠭᠤᠴᠠᠭ᠋ᠠᠨ᠎ᠤ ᠪᠣᠬᠢᠷᠲᠤᠯ ᠦᠭᠡᠢ ᠪᠦᠲᠦᠬᠡᠭᠳᠡᠬᠦᠨ᠎ᠢ ᠳᠡᠯᠭᠡᠨ ᠦᠵᠡᠭᠦᠯᠬᠦ ᠴᠤᠭᠯᠠᠭ᠋ᠠᠨ᠎ᠳᠤ ᠤᠷᠤᠯᠴᠠᠬᠤ ᠠᠵᠢᠯ᠎ᠢ ᠤᠷᠢᠳᠴᠢᠯᠠᠨ ᠰᠠᠶ᠋ᠢᠲᠤᠷ ᠬᠢᠨ᠎ᠡ᠃
      ᠲᠦᠷᠪᠡ᠎ᠳᠤ ᠦᠬᠡᠷ ᠬᠣᠨᠢ ᠢᠮᠠᠭ᠋ᠠᠨ ᠮᠢᠬᠠᠨ᠎ᠤ ᠬᠣᠲᠠ ᠵᠢ ᠪᠠᠢ᠌ᠭᠤᠯᠤᠨ᠎ᠠ᠃ ᠨᠢᠳᠤᠨᠤᠨ ᠤᠯᠠᠭ᠋ᠠᠨᠬᠠᠳᠠ ᠬᠣᠲᠠ ᠵᠢᠨ ᠵᠠᠰᠠᠭ᠎ᠤᠨ ᠣᠷᠳᠣᠨ ᠤᠯᠤᠰ᠎ᠤᠨ ᠢᠳᠡᠭᠡᠨ᠎ᠤ ᠵᠦᠢ᠍ᠯ᠎ᠤᠨ ᠰᠣᠨᠢᠨ᠎ᠤ ᠰᠦᠯᠵᠢᠶ᠎ᠡ᠎ᠲᠠᠢ ᠬᠠᠮᠲᠤᠷᠠᠨ ᠠᠩᠬᠠᠳᠤᠭ᠋ᠠᠷ ᠬᠤᠭᠤᠴᠠᠭ᠋ᠠᠨ᠎ᠤ ᠦᠬᠡᠷ ᠬᠣᠨᠢ ᠢᠮᠠᠭ᠋ᠠᠨ ᠮᠢᠬᠠᠨ᠎ᠤ ᠶᠡᠬᠡ ᠬᠤᠷᠠᠯ᠎ᠢ ᠡᠷᠬᠢᠯᠡᠵᠦ᠂ ᠵᠠᠬᠢᠶᠠᠯᠠᠭ᠎ᠠ ᠵᠢᠠ ᠵᠣᠭᠣᠰ᠎ᠨᠢ 20 ᠭᠠᠷᠤᠶ ᠳ᠋ᠦᠩᠰᠢᠭᠤᠷ ᠲᠥᠭᠥᠷᠢᠭ ᠬᠦᠷᠴᠦ᠂ ᠨᠡᠯᠢᠶᠡᠳ ᠰᠠᠢ᠍ᠢ᠍ᠨ ᠦᠷ᠎ᠡ ᠪᠦᠲᠦᠭᠡᠯ ᠣᠯᠪᠠ᠃ ᠡᠨᠡ ᠵᠢᠯ᠂ ᠦᠬᠡᠷ ᠬᠣᠨᠢ ᠢᠮᠠᠭ᠋ᠠᠨ ᠮᠢᠬᠠᠨ᠎ᠤ ᠶᠡᠬᠡ ᠬᠤᠷᠠᠯ᠎ᠢ ᠦᠷᠭᠦᠯᠵᠢᠯᠡᠨ ᠡᠷᠬᠢᠯᠡᠵᠦ᠂ ᠤᠯᠠᠭ᠋ᠠᠨᠬᠠᠳᠠ ᠬᠤᠳᠠ ᠵᠢ ᠦᠬᠡᠷ ᠬᠣᠨᠢ ᠢᠮᠠᠭ᠋ᠠᠨ ᠮᠢᠬᠠᠨ᠎ᠤ ᠬᠣᠲᠠ ᠪᠣᠯᠭ᠋ᠠᠨ ᠪᠠᠢ᠌ᠭᠤᠯᠬᠤ᠎ᠪᠠᠷ ᠬᠦᠴᠦᠯᠡᠨ ᠴᠢᠷᠮᠠᠢ᠌ᠬᠤ ᠬᠡᠷᠡᠭᠲᠡᠢ᠃
      ᠲᠠᠪᠤ᠎ᠳᠤ ᠬᠣᠰᠢᠭᠤ ᠰᠢᠶᠠᠨ ᠲᠣᠭᠤᠷᠢᠭ᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ᠎ᠤ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰ᠎ᠤᠨ ᠬᠥᠭᠵᠢᠯᠲᠡ ᠪᠠ ᠪᠦᠲᠦᠴᠡ ᠵᠢᠨ ᠲᠤᠬᠢᠷᠠᠭᠤᠯᠤᠯᠲᠠ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠰᠠᠢ᠌ᠲᠤᠷ ᠬᠢᠨ᠎ᠡ᠃ ᠪᠠᠶ᠋ᠢᠭ᠋ᠠᠯᠢ ᠵᠢᠨ ᠨᠥᠬᠥᠴᠡᠯ᠂ ᠠᠵᠤ ᠠᠬᠤᠶ ᠵᠢᠨ ᠬᠥᠭᠵᠢᠯᠲᠡ ᠵᠢᠨ ᠬᠢᠷᠢ ᠲᠦᠪᠰᠢᠨ᠂ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠤᠯᠬᠢᠯᠠᠭᠰᠠᠨ ᠰᠠᠭᠤᠷᠢᠨ ᠳᠡᠭᠡᠷ᠎ᠡ᠂ ᠡᠯ᠎ᠡ ᠬᠣᠰᠢᠭᠤ ᠰᠢᠶᠠᠨ ᠲᠣᠭᠣᠷᠢᠭ᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ᠎ᠨᠤᠭᠤᠳ ᠲᠠᠷᠢᠶᠠᠯᠠᠩ ᠮᠠᠯ ᠠᠵᠤ ᠠᠬᠤᠶ ᠵᠢᠨ ᠡᠬᠢ ᠪᠠᠶᠠᠯᠢᠭ᠎ᠤᠨ ᠣᠷᠴᠢᠨ ᠲᠣᠭᠤᠷᠢᠨ᠎ᠤ ᠳᠠᠭ᠋ᠠᠭ᠋ᠠᠴᠠ᠎ᠪᠠᠷ ᠦᠨᠳᠦᠰᠦᠨ ᠪᠠᠷᠢᠮᠵᠢᠶ᠎ᠠ ᠪᠣᠯᠭ᠋ᠠᠵᠤ᠂ ᠭᠠᠵᠠᠷ ᠣᠷᠣᠨ᠎ᠳᠠᠭᠠᠨ ᠲᠣᠬᠢᠷᠠᠭᠤᠯᠤᠨ᠂ ᠠᠮᠤ ᠪᠤᠳᠠᠭ᠎ᠠ ᠲᠠᠷᠢᠬᠤ᠎ᠳᠤ ᠲᠣᠬᠢᠷᠠᠮᠵᠢᠲᠠᠢ ᠪᠠᠢ᠌ᠪᠠᠯ ᠠᠮᠤ ᠪᠤᠳᠠᠭ᠎ᠠ ᠲᠠᠷᠢᠵᠤ᠂ ᠠᠵᠤ ᠠᠬᠤᠢ ᠡᠵᠡᠩᠨᠡᠬᠦ᠎ᠳᠤ ᠲᠣᠬᠢᠷᠠᠮᠵᠢᠲᠠᠢ ᠪᠠᠢ᠌ᠪᠠᠯ ᠠᠵᠤ ᠠᠬᠤᠢ᠌ᠯᠠᠯ ᠡᠵᠡᠩᠨᠡᠵᠦ᠂ ᠡᠪᠡᠰᠦ ᠪᠣᠷᠳᠤᠭ᠎ᠠ᠂ ᠮᠠᠯ ᠮᠠᠯᠵᠢᠬᠤ᠂ ᠲᠠᠷᠢᠶᠠᠯᠠᠭ᠎ᠠ ᠵᠢ ᠵᠣᠭᠰᠤᠭ᠋ᠠᠵᠤ ᠤᠢ᠌ᠵᠢᠭᠤᠯᠬᠤ ᠵᠢᠨ ᠠᠯᠢ᠎ᠨᠢ ᠰᠠᠢ᠌ᠨ ᠪᠣᠯ ᠠᠯᠢ ᠵᠢ᠎ᠨᠢ ᠬᠢᠵᠦ᠂ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰ᠎ᠤᠨ ᠬᠥᠭᠵᠢᠯᠲᠡ ᠪᠠ ᠪᠦᠲᠦᠴᠡ ᠵᠢᠨ ᠲᠣᠬᠢᠷᠠᠭᠤᠯᠤᠯᠲᠠ ᠵᠢᠨ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠶ᠎ᠪᠠᠷ ᠵᠢᠷᠤᠭᠯᠠᠨ ᠲᠥᠯᠥᠪᠯᠡᠵᠦ᠂ ᠠᠵᠤ ᠦᠢ᠍ᠯᠡᠰ᠎ᠤᠨ ᠪᠦᠲᠦᠴᠡ ᠵᠢ ᠲᠣᠬᠢᠷᠠᠭᠤᠯᠤᠨ ᠰᠢᠯᠢᠳᠡᠭᠵᠢᠭᠦᠯᠬᠦ ᠵᠢ ᠲᠦᠷᠭᠡᠳᠬᠡᠨ᠂ ᠲᠠᠷᠢᠶᠠᠯᠠᠩ ᠮᠠᠯ ᠠᠵᠤ ᠠᠬᠤᠶ ᠵᠢᠨ ᠶᠠᠰᠤ ᠴᠢᠨᠠᠷ ᠵᠶ᠋ᠠᠨ ᠦᠷᠭᠦᠯᠵᠢᠯᠡᠨ ᠳᠡᠭᠡᠭᠰᠢᠯᠡᠭᠦᠯᠵᠦ ᠤᠷᠤᠯᠭ᠎ᠠ᠎ᠪᠠᠨ ᠨᠡᠮᠡᠭᠳᠡᠭᠦᠯᠬᠦ ᠵᠢ ᠦᠨᠡᠨ ᠬᠦ᠌ ᠪᠠᠲᠤᠯᠠᠵᠤ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠦᠷᠭᠦᠯᠵᠢᠯᠡᠨ ᠨᠡᠮᠡᠭᠳᠡᠭᠦᠯᠦᠨ᠎ᠡ᠃
      ᠬᠥᠲᠥᠯᠥᠭᠴᠢ᠄
      ᠦᠷᠭᠡᠨ ᠤᠯᠠᠨ ᠰᠦᠯᠵᠢᠶᠡᠨ ᠠᠨᠳᠠ ᠨᠠᠷ ᠡ᠂ ᠰᠠᠶᠢᠬᠠᠨ ᠯᠢ ᠲᠣᠪᠴᠢᠶᠠᠨ ᠳᠠᠷᠤᠭ᠎ᠠ ᠪᠢᠳᠡ ᠨᠠᠷ᠎ᠲᠤ 《12·5》 ᠵᠢᠨ ᠬᠤᠭᠤᠴᠠᠭ᠋ᠠᠨ᠎ᠳᠠᠬᠢ ᠤᠯᠠᠭ᠋ᠠᠨᠬᠠᠳᠠ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠣᠯᠤᠭᠰᠠᠨ ᠠᠮᠵᠢᠯᠲᠠ ᠪᠦᠲᠦᠭᠡᠯ᠎ᠢ ᠡᠷᠭᠢᠴᠡᠭᠦᠯᠦᠨ᠂ 《13·5》 ᠪᠠ ᠡᠨᠡ ᠵᠢᠯ᠎ᠤᠨ ᠤᠯᠠᠭ᠋ᠠᠨᠬᠠᠳᠠ ᠵᠢᠨ ᠲᠠᠷᠢᠶᠠᠯᠠᠩ ᠮᠠᠯ ᠠᠵᠤ ᠠᠬᠤᠶ ᠵᠢᠨ ᠠᠵᠢᠯ᠎ᠤᠨ ᠭᠣᠣᠯᠳᠠᠯᠭ᠎ᠠ ᠪᠠ ᠴᠢᠭᠯᠡᠯ᠎ᠢ ᠲᠠᠢ᠌ᠯᠪᠤᠷᠢᠯᠠᠵᠤ᠂ ᠲᠠᠷᠢᠶᠠᠯᠠᠩ ᠮᠠᠯ ᠠᠵᠤ ᠠᠬᠤᠶ ᠵᠢᠨ ᠬᠥᠭᠵᠢᠯᠲᠡ ᠵᠢᠨ ᠰᠠᠢ᠍ᠢ᠍ᠨ ᠰᠠᠶ᠋ᠢᠬᠠᠨ ᠢᠷᠡᠭᠡᠳᠦᠢ ᠵᠢ ᠵᠢᠷᠤᠭᠯᠠᠨ᠂ ᠴᠡᠴᠡᠭᠯᠡᠨ ᠬᠦᠭᠵᠢᠭᠰᠡᠨ ᠤᠯᠠᠭ᠋ᠠᠨᠬᠠᠳᠠ ᠵᠢᠨ ᠲᠠᠷᠢᠶᠠᠯᠠᠩ ᠮᠠᠯ ᠠᠵᠤ ᠠᠬᠤᠶ ᠵᠢᠨ ᠬᠥᠭᠵᠢᠯᠲᠡ᠎ᠳᠤ ᠬᠦᠰᠡᠯ ᠡᠷᠡᠮᠡᠯᠵᠡᠯ᠎ᠲᠠᠢ ᠪᠣᠯᠭ᠋ᠠᠪᠠ᠃
      ᠯᠢ ᠲᠣᠪᠴᠢᠶᠠᠨ ᠳᠠᠷᠤᠭ᠎ᠠ ᠵᠢᠨ ᠨᠠᠷᠢᠨ ᠨᠢᠮᠪᠠᠢ ᠲᠠᠢ᠌ᠯᠪᠤᠷᠢᠯᠠᠯᠲᠠ᠎ᠳᠤ ᠳᠠᠬᠢᠨᠲᠠ ᠲᠠᠯᠠᠷᠬᠠᠵᠤ ᠪᠠᠢ᠌ᠨ᠎ᠠ᠃ ᠴᠠᠭ᠎ᠤᠨ ᠬᠠᠷᠠᠭ᠎ᠠ᠎ᠠᠴᠠ ᠪᠤᠯᠵᠤ᠂ ᠥᠨᠥᠳᠦᠷ᠎ᠤᠨ ᠰᠤᠷᠪᠤᠯᠵᠢᠯᠠᠭ᠎ᠠ ᠡᠨᠳᠡ ᠬᠦᠷᠦᠭᠡᠳ ᠵᠠᠪᠰᠠᠷᠯᠠᠯ᠎ᠠ᠂ ᠳᠠᠷᠠᠭ᠋ᠠᠴᠢ ᠵᠢᠨ ᠫᠷᠦᠭᠷᠡᠮ᠎ᠳᠤ ᠪᠠᠶᠠᠷᠲᠠᠶ ᠵᠤᠯᠭ᠋ᠠᠶ᠎ᠠ!

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠭᠠᠢ᠌ᠯᠢ ᠵᠢᠨ ᠲᠣᠪᠴᠢᠶ᠎ᠠ᠎ᠠᠴᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢ ᠡᠬᠢᠯᠡᠨ ᠲᠠᠲᠠᠪᠤᠷᠢᠯᠠᠬᠤ ᠪᠡᠯᠡᠳᠬᠡᠯ ᠠᠵᠢᠯ᠎ᠢ ᠰᠠᠢ᠌ᠲᠤᠷ ᠬᠢᠵᠦ ᠪᠠᠢ᠌ᠨ᠎ᠠ
ᠭᠠᠢ᠌ᠯᠢ ᠲᠠᠲᠠᠪᠤᠷᠢ ᠬᠤᠳᠠᠯᠳᠤᠭ᠎ᠠ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠵᠦ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠶ᠎ᠠ
《ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ ᠥᠪᠡᠷ᠎ᠤᠨ ᠥᠷᠲᠡᠭ᠎ᠢ ᠪᠠᠭᠤᠷᠠᠭᠤᠯᠬᠤ ᠠᠵᠢᠯ᠎ᠢ ᠬᠦᠴᠦᠯᠡᠨ ᠰᠠᠶ᠋ᠢᠲᠤᠷ ᠬᠢᠬᠦ ᠵᠢᠨ ᠬᠡᠷᠡᠭᠵᠢᠭᠦᠯᠬᠦ ᠲᠥᠰᠦᠯ》᠎ᠤᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ᠎ᠤᠨ ᠬᠠᠩᠭ᠋ᠠᠯᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ》᠎ᠤᠨ ᠲᠠᠢ᠌ᠯᠤᠮᠵᠢ
ᠪᠣᠷᠳᠣᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠵᠤ ᠪᠣᠷᠳᠣᠭ᠋ᠠᠨ᠎ᠤ ᠠᠵᠤ ᠦᠢ᠍ᠯᠡᠳᠪᠦᠷᠢ ᠵᠢᠨ ᠡᠷᠡᠭᠦᠯ ᠵᠶ᠋ᠠᠷ ᠬᠥᠭᠵᠢᠬᠦ ᠵᠢ ᠠᠬᠢᠭᠤᠯᠤᠶ᠎ᠠ
 
            