
ᠰᠤᠷᠪᠤᠯᠵᠢᠯᠠᠭᠰᠠᠨ ᠴᠠᠭ᠄
2016 ᠣᠨ᠎ᠤ 7 ᠳ᠋ᠤᠭ᠋ᠠᠷ ᠰᠠᠷ᠎ᠠ ᠵᠢᠨ 13᠎ᠤ ᠡᠳᠦᠷ᠎ᠤᠨ ᠦᠳᠡ ᠵᠢᠨ ᠬᠣᠶ᠋ᠢᠨᠠᠬᠢ 3 ᠴᠠᠭ᠎ᠲᠤ
ᠰᠤᠷᠪᠤᠯᠵᠢᠯᠠᠭᠰᠠᠨ ᠵᠣᠴᠢᠨ᠄
ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠬᠢᠯᠡᠭᠴᠢ ᠸᠧᠨ ᠮᠢᠨ
ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
ᠣᠶ᠋ᠢᠷ᠎ᠠ᠎ᠳᠤ᠂ ᠪᠢᠳᠡ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠬᠢᠯᠡᠭᠴᠢ ᠸᠧᠨ ᠮᠢᠨᠢ 《ᠳᠤᠮᠳᠠᠳᠤ ᠤᠯᠤᠰ᠂ ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠠᠷᠢᠯᠴᠠᠯᠭ᠎ᠠ ᠵᠢᠨ ᠪᠤᠯᠤᠩ᠎ᠳᠤ ᠤᠷᠢᠵᠤ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠠᠵᠢᠯ᠎ᠤᠨ ᠬᠠᠮᠢᠶ᠎ᠠ ᠪᠦᠬᠦᠢ ᠠᠰᠠᠭᠤᠳᠠᠯ᠎ᠤᠨ ᠲᠤᠬᠠᠶ ᠨᠠᠷᠢᠨ ᠲᠣᠳᠣᠷᠬᠠᠶ ᠲᠠᠶ᠋ᠢᠯᠪᠤᠷᠢᠯᠠᠯᠲᠠ ᠬᠢᠯᠭᠡᠬᠦ᠎ᠪᠠᠷ ᠪᠣᠯᠣᠯ᠎ᠠ᠃ ᠥᠷᠭᠡᠨ ᠣᠯᠠᠨ ᠰᠦᠯᠵᠢᠶᠡᠨ ᠠᠨᠳᠠ ᠨᠠᠷ ᠢᠳᠡᠪᠬᠢᠲᠡᠶ ᠣᠷᠣᠯᠴᠠᠬᠤ ᠪᠣᠯᠪᠠᠦ!
ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ
ᠬᠥᠲᠥᠯᠥᠭᠴᠢ᠄
ᠰᠦᠯᠵᠢᠶᠡᠨ ᠠᠨᠳᠠ ᠨᠠᠷ ᠲᠠ ᠪᠦᠭᠦᠨ ᠰᠠᠢ᠍ᠢ᠍ᠨ ᠪᠠᠢ᠌ᠵᠠᠭ᠋ᠠᠨ᠎ᠠ ᠦᠦ᠂ ᠲᠨ ᠪᠦᠬᠦᠨ᠎ᠤ ᠲᠤᠰ ᠬᠤᠭᠤᠴᠠᠭ᠎ᠠ ᠵᠢᠨ 《ᠳᠤᠮᠳᠠᠳᠤ ᠤᠯᠤᠰ᠂ ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠠᠷᠢᠯᠴᠠᠯᠭ᠎ᠠ ᠵᠢᠨ ᠪᠤᠯᠤᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠬᠢᠯᠡᠭᠴᠢ ᠸᠧᠨ ᠮᠢᠨᠢ ᠤᠷᠢᠵᠤ 《ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠠᠵᠢᠯ᠎ᠤᠨ ᠬᠠᠮᠢᠶ᠎ᠠ ᠪᠦᠬᠦᠢ ᠠᠰᠠᠭᠤᠳᠠᠯ》᠎ᠤᠨ ᠲᠤᠬᠠᠢ ᠰᠦᠯᠵᠢᠶᠡᠨ ᠠᠨᠳᠠ ᠨᠠᠷ᠎ᠲᠤ ᠨᠠᠷᠢᠨ ᠲᠠᠶ᠋ᠢᠯᠪᠤᠷᠢᠯᠠᠯᠲᠠ ᠬᠢᠯᠭᠡᠬᠦ᠎ᠪᠠᠷ ᠪᠣᠯᠣᠯ᠎ᠠ᠃ ᠸᠧᠨ ᠡᠷᠬᠢᠯᠡᠭᠴᠢ ᠵᠢ ᠪᠠᠶᠠᠷᠯᠠᠨ ᠤᠭᠲᠤᠵᠤ ᠪᠠᠶ᠋ᠢᠨ᠎ᠠ!
ᠸᠧᠨ ᠮᠢᠨ᠄
ᠬᠥᠲᠥᠯᠥᠭᠴᠢ ᠰᠠᠢ᠍ᠢ᠍ᠨ ᠪᠠᠢ᠌ᠨ᠎ᠠ ᠦᠦ᠂ ᠰᠦᠯᠵᠢᠶᠡᠨ ᠠᠨᠳᠠ ᠲᠠ ᠪᠦᠭᠦᠨ ᠰᠠᠢ᠍ᠢ᠍ᠨ ᠪᠠᠢ᠌ᠵᠠᠭ᠋ᠠᠨ᠎ᠠ ᠦᠦ!
ᠬᠥᠲᠥᠯᠥᠭᠴᠢ᠄
ᠸᠸᠨ ᠡᠷᠬᠢᠯᠡᠭᠴᠢ ᠡ᠂ ᠶᠠᠭᠤᠨ᠎ᠤ ᠡᠮᠦᠨ᠎ᠡ ᠮᠠᠨᠳᠤ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠠᠵᠢᠯ᠎ᠢ ᠬᠡᠷᠬᠢᠨ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠪᠠᠢ᠌ᠭ᠎ᠠ ᠵᠢ ᠶᠠᠷᠢᠭ᠋ᠠᠳ ᠥᠭᠭᠦᠨ᠎ᠡ ᠦᠦ?
ᠸᠸᠨ ᠮᠢᠨ᠄
ᠶᠡᠷᠦᠩᠬᠡᠶ ᠵᠠᠷᠴᠢᠮ ᠪᠣᠯ᠂ ᠥᠪᠡᠷᠲᠡᠭᠡᠨ ᠵᠠᠰᠠᠬᠤ ᠣᠷᠣᠨ ᠶᠡᠷᠦᠩᠬᠡᠶ ᠬᠠᠷᠢᠭᠤᠴᠠᠯᠭ᠎ᠠ ᠵᠢ ᠬᠠᠷᠢᠭᠤᠴᠠᠵᠤ᠂ ᠠᠶ᠋ᠢᠮᠠᠭ ᠬᠤᠳᠠ ᠵᠢᠨ ᠭᠣᠣᠯ ᠵᠢᠯᠣᠭᠣᠳᠴᠦ᠂ ᠬᠣᠰᠢᠭᠤ ᠰᠢᠶᠠᠨ ᠭᠣᠣᠯᠯᠠᠨ ᠠᠳᠬᠤᠨ᠎ᠠ᠃ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠶ ᠲᠥᠯᠥᠪᠵᠢᠭᠦᠯᠦᠨ ᠤᠳᠤᠷᠢᠳᠬᠤ ᠵᠢ ᠰᠠᠶ᠋ᠢᠲᠤᠷ ᠠᠳᠬᠤᠵᠤ᠂ ᠴᠢᠬᠤᠯᠠ ᠶᠡᠬᠡ ᠲᠦᠷᠦ ᠵᠢᠨ ᠪᠤᠳᠤᠯᠭ᠎ᠠ ᠵᠢ ᠲᠣᠭᠲᠠᠭ᠋ᠠᠵᠤ᠂ ᠴᠢᠬᠤᠯᠠ ᠶᠡᠬᠡ ᠵᠦᠢ᠍ᠯᠡᠰ᠎ᠢ ᠵᠣᠬᠢᠴᠠᠭᠤᠯᠤᠨ ᠰᠢᠢ᠍ᠳᠪᠦᠷᠢᠯᠡᠵᠦ᠂ ᠵᠣᠬᠢᠶᠠᠨ ᠪᠠᠢ᠌ᠭᠤᠯᠤᠨ ᠪᠠᠶ᠋ᠢᠴᠠᠭ᠋ᠠᠨ ᠵᠢᠯᠣᠭᠣᠳᠬᠤ ᠪᠠ ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ ᠵᠢ ᠬᠠᠷᠢᠭᠤᠴᠠᠨ᠎ᠠ᠃ ᠠᠶ᠋ᠢᠮᠠᠭ ᠬᠣᠲᠠᠳ᠎ᠠᠴᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠦᠷᠦ ᠵᠢᠨ ᠪᠤᠳᠤᠯᠭ᠎ᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠰᠠᠨᠠᠯ᠎ᠢ ᠲᠣᠭᠲᠠᠭ᠋ᠠᠵᠤ᠂ ᠠᠶ᠋ᠢᠮᠠᠭ ᠬᠤᠳᠠ ᠵᠢᠨ ᠬᠠᠮᠢᠶ᠎ᠠ ᠪᠥᠬᠥᠢ ᠬᠣᠰᠢᠭᠤ ᠰᠢᠶᠠᠨ᠎ᠤ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠠᠵᠢᠯ᠎ᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠬᠤ ᠵᠢ ᠬᠠᠷᠢᠭᠤᠴᠠᠨ᠎ᠠ᠃ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠠᠵᠢᠯ᠎ᠤᠨ ᠴᠠᠭ ᠪᠠᠴᠢᠮ᠂ ᠡᠭᠦᠷᠭᠡ ᠬᠦᠨᠳᠦ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠮᠵᠢᠯᠴᠠᠬᠤ ᠴᠢᠬᠤᠯᠠᠲᠠᠶ ᠶᠠᠪᠤᠳᠠᠯ ᠮᠠᠰᠢ ᠤᠯᠠᠨ᠂ ᠵᠣᠬᠢᠴᠠᠭᠤᠯᠬᠤ ᠬᠦᠴᠢᠷᠳᠡᠯ ᠨᠡᠯᠢᠶᠡᠳ ᠶᠡᠬᠡ ᠪᠠᠢ᠌ᠬᠤ ᠪᠠᠶ᠋ᠢᠳᠠᠯ᠎ᠢ ᠦᠨᠳᠦᠰᠦᠯᠡᠨ᠂ ᠬᠡᠷᠡᠭ ᠶᠠᠪᠤᠳᠠᠯ᠎ᠢ ᠭᠦᠢ᠍ᠴᠡᠳᠬᠡᠬᠦ ᠳᠡᠰ ᠳᠠᠷᠠᠭ᠋ᠠᠯᠠᠯ᠎ᠢ ᠳᠥᠭᠥᠮᠴᠢᠯᠡᠵᠦ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠤᠰᠠᠳᠠ᠂ ᠡᠯ᠎ᠡ ᠭᠠᠵᠠᠷ ᠣᠷᠣᠨ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠠᠵᠢᠯ᠎ᠤᠨ ᠵᠢᠯᠣᠭᠣᠳᠬᠤ ᠭᠠᠵᠠᠷ ᠪᠠᠶ᠋ᠢᠭᠤᠯᠵᠤ ᠪᠣᠯᠤᠨ᠎ᠠ᠂ ᠲᠥᠷᠥᠯ ᠵᠦᠢ᠍ᠯ᠎ᠤᠨ ᠬᠣᠰᠢᠭᠤ ᠰᠢᠶᠠᠨ᠎ᠨᠢ ᠬᠣᠰᠢᠭᠤ ᠰᠢᠶᠠᠨ᠎ᠤ ᠳᠡᠳ᠋ ᠳᠠᠷᠤᠭ᠎ᠠ᠎ᠪᠠᠷ ᠵᠢᠯᠣᠭᠣᠳᠤᠭᠴᠢ ᠪᠣᠯᠭ᠋ᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠠᠴᠠ ᠠᠵᠢᠯᠲᠠᠨ ᠲᠠᠲᠠᠵᠤ ᠲᠤᠰᠬᠠᠶ ᠲᠤᠰᠢᠶᠠᠯ᠎ᠲᠠᠢ ᠲᠤᠰᠬᠠᠶ ᠠᠵᠢᠯ᠎ᠤᠨ ᠪᠠᠶ᠋ᠢᠷᠢ᠎ᠲᠠᠢ ᠲᠥᠪᠯᠡᠷᠡᠭᠦᠯᠦᠨ ᠠᠵᠢᠯᠯᠠᠭᠤᠯᠵᠤ᠂ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠠᠵᠢᠯ᠎ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠲᠥᠯᠬᠢᠨ ᠠᠬᠢᠭᠤᠯᠬᠤ ᠵᠢ ᠰᠠᠨᠠᠭᠤᠯᠵᠤ ᠪᠠᠢ᠌ᠨ᠎ᠠ᠃
ᠬᠥᠲᠥᠯᠥᠭᠴᠢ᠄
ᠤᠯᠠᠨ ᠨᠠᠶ᠋ᠢᠵᠠ ᠨᠠᠷ ᠨᠠᠳᠠ᠎ᠲᠠᠢ ᠠᠳᠠᠯᠢᠬᠠᠨ ᠨᠢᠭᠡ ᠠᠰᠠᠭᠤᠳᠠᠯ᠎ᠢ ᠪᠤᠳᠤᠵᠤ ᠪᠠᠢ᠌ᠬ᠎ᠠ᠂ ᠳᠠᠷᠤᠶ ᠬᠠᠭᠤᠴᠢᠨ ᠭᠡᠷ ᠪᠠᠢ᠌ᠰᠢᠩ᠎ᠢ ᠨᠤᠷᠠᠭ᠋ᠠᠵᠤ ᠣᠷᠣᠨ᠎ᠳᠤᠨᠢ ᠰᠢᠨ᠎ᠡ ᠭᠡᠷ ᠪᠠᠷᠢᠬᠤ ᠵᠢ 《ᠣᠨᠳᠣᠣ ᠭᠠᠵᠠᠷ ᠨᠡᠭᠦᠯᠭᠡᠭᠰᠡᠨ》᠎ᠳᠤ ᠲᠣᠭ᠋ᠠᠴᠠᠨ᠎ᠠ ᠦᠦ ᠦᠭᠡᠢ ᠦᠦ? ᠬᠡᠷᠬᠢᠨ ᠡᠵᠡᠮᠳᠡᠬᠦ ᠪᠤᠢ?
ᠸᠸᠨ ᠮᠢᠨ᠄
ᠥᠪᠡᠷᠲᠡᠭᠡᠨ ᠵᠠᠰᠠᠬᠤ ᠣᠷᠣᠨ ᠨᠢᠭᠡᠨᠲᠡ ᠲᠣᠳᠣᠷᠬᠠᠢ᠌ᠯᠠᠭᠰᠠᠨ ᠵᠶ᠋ᠠᠷ᠂ ᠳᠠᠩᠰᠠ ᠡᠪᠬᠡᠮᠡᠯ ᠪᠠᠢ᠌ᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠪᠦᠷᠢ᠎ᠳᠤ ᠭᠡᠷ ᠪᠠᠷᠢᠬᠤ ᠨᠥᠬᠥᠪᠥᠷᠢ ᠮᠥᠩᠭᠥ 2 ᠲᠦᠮᠡᠨ ᠲᠥᠭᠥᠷᠢᠭ ᠣᠯᠭᠣᠵᠤ᠂ ᠵᠡᠷᠭᠡ᠎ᠪᠠᠷ ᠨᠡᠭᠦᠯᠭᠡᠬᠦ ᠬᠥᠮᠦᠨ ᠠᠮᠠ᠎ᠳᠤ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠨᠥᠬᠥᠪᠥᠷᠢ ᠵᠢᠨ ᠪᠠᠷᠢᠮᠵᠢᠶ᠎ᠠ᠎ᠪᠠᠷ ᠬᠥᠮᠦᠨ ᠪᠦᠷᠢ᠎ᠳᠤ ᠳᠤᠮᠳᠠᠴᠢ᠎ᠪᠠᠷ 1 ᠲᠦᠮᠡᠨ ᠲᠥᠭᠥᠷᠢᠭ ᠣᠯᠭᠣᠨ᠎ᠠ᠃ ᠭᠡᠷ ᠪᠠᠷᠢᠬᠤ ᠪᠡᠯᠡ ᠮᠥᠩᠭᠥ ᠬᠦᠷᠦᠯᠴᠡᠬᠦ ᠦᠭᠡᠢ ᠬᠡᠰᠡᠭ᠎ᠢ᠎ᠨᠢ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠠᠯ᠎ᠲᠠᠢ ᠭᠡᠷ ᠪᠠᠢ᠌ᠰᠢᠩ᠎ᠢ ᠵᠠᠰᠠᠬᠤ ᠪᠡᠯᠡ ᠮᠥᠩᠭᠥ᠎ᠲᠠᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠲᠠᠷᠢᠶᠠᠯᠠᠩ᠎ᠳᠤ ᠬᠣᠯᠪᠣᠭᠳᠠᠭᠰᠠᠨ ᠪᠡᠯᠡ ᠮᠥᠩᠭᠥ ᠵᠢ ᠡᠮᠬᠢᠯᠡᠨ ᠨᠡᠶ᠋ᠢᠯᠡᠭᠦᠯᠵᠦ ᠬᠡᠷᠡᠭᠯᠡᠬᠦ ᠵᠢ ᠵᠣᠷᠢᠭᠵᠢᠭᠤᠯᠤᠨ᠎ᠠ᠃ ᠠᠶ᠋ᠢᠮᠠᠭ ᠬᠤᠳᠠ᠎ᠨᠤᠭᠤᠳ ᠲᠤᠬᠠᠶ ᠵᠢᠨ ᠭᠠᠵᠠᠷ᠎ᠤᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠨᠡᠭᠦᠯᠭᠡᠬᠦ ᠠᠢ᠌ᠯ᠎ᠤᠨ ᠬᠠᠭᠤᠴᠢᠨ ᠬᠡᠷ ᠪᠠᠶ᠋ᠢᠰᠢᠩ᠎ᠢ ᠨᠤᠷᠠᠭ᠋ᠠᠬᠤ ᠵᠢᠴᠢ ᠣᠷᠣᠨ ᠰᠠᠭᠤᠴᠠ ᠵᠢᠨ ᠭᠠᠵᠠᠷ᠎ᠢ ᠰᠡᠷᠭᠦᠭᠡᠨ ᠬᠠᠭ᠋ᠠᠯᠪᠤᠷᠢᠯᠠᠬᠤ᠎ᠳᠤ ᠵᠣᠬᠢᠰᠲᠠᠶ ᠱᠠᠩᠨᠠᠯ ᠣᠯᠭᠣᠵᠤ᠂ ᠱᠠᠩᠨᠠᠬᠤ ᠪᠠᠷᠢᠮᠵᠢᠶ᠎ᠠ ᠵᠢ ᠡᠯ᠎ᠡ ᠭᠠᠵᠠᠷ᠎ᠤᠳ ᠥᠪᠡᠷᠲᠡᠭᠡᠨ ᠲᠣᠭᠲᠠᠭ᠋ᠠᠨ᠎ᠠ᠃ ᠵᠠᠷᠢᠮ ᠠᠶ᠋ᠢᠮᠠᠭ ᠬᠤᠳᠠ ᠣᠷᠣᠨ ᠰᠠᠭᠤᠴᠠ ᠵᠢᠨ ᠪᠡᠯᠡ ᠮᠥᠩᠭᠥ ᠬᠦᠷᠦᠯᠴᠡᠬᠦ ᠦᠭᠡᠢ ᠪᠠᠢ᠌ᠬᠤ ᠲᠤᠯᠠ᠂ ᠤᠷᠳᠤ ᠬᠤᠭᠤᠴᠠᠭ᠋ᠠᠨ᠎ᠤ ᠵᠢᠭᠡᠯᠡᠯᠭᠡ᠎ᠪᠠᠷ ᠰᠢᠢ᠍ᠳᠪᠦᠷᠢᠯᠡᠵᠦ ᠪᠣᠯᠤᠨ᠎ᠠ ᠦᠦ ᠦᠭᠡᠢ ᠦᠦ ᠭᠡᠵᠦ ᠳᠤᠷᠠᠳᠴᠠᠢ᠂ ᠵᠠᠷᠴᠢᠮ ᠳᠡᠭᠡᠷ᠎ᠡ᠎ᠪᠠᠨ ᠢᠩᠭᠢᠵᠦ ᠪᠣᠯᠬᠤ ᠦᠭᠡᠢ᠂ ᠭᠣᠣᠯ᠎ᠨᠢ ᠠᠶ᠋ᠢᠮᠠᠭ ᠬᠤᠳᠠ᠂ ᠢᠯᠠᠩᠭᠤᠶ᠎ᠠ ᠬᠣᠰᠢᠭᠤ ᠰᠢᠶᠠᠨ ᠥᠪᠡᠰᠦᠪᠡᠨ ᠪᠡᠯᠡ ᠮᠥᠩᠭᠥ ᠴᠤᠭᠯᠠᠭᠤᠯᠤᠨ ᠰᠢᠢ᠍ᠳᠪᠦᠷᠢᠯᠡᠬᠦ ᠬᠡᠷᠡᠭᠲᠡᠶ᠃ ᠱᠠᠩᠨᠠᠯ᠎ᠤᠨ ᠮᠥᠩᠭᠥ᠎ᠨᠢ ᠭᠡᠷ ᠪᠠᠷᠢᠬᠤ ᠪᠡᠯᠡ ᠮᠥᠩᠭᠥ ᠬᠦᠷᠦᠯᠴᠡᠬᠦ ᠦᠭᠡᠢ ᠪᠠᠢ᠌ᠭ᠎ᠠ ᠵᠢ ᠨᠥᠬᠥᠪᠦᠷᠢᠯᠡᠬᠦ ᠨᠢᠭᠡ ᠵᠦᠢ᠍ᠯ᠎ᠤᠨ ᠨᠥᠬᠥᠪᠥᠷᠢ ᠪᠣᠯᠬᠤ ᠮᠥᠷᠲᠡᠭᠡᠨ᠂ ᠨᠡᠩ ᠴᠢᠬᠤᠯᠠ᠎ᠨᠢ ᠰᠢᠨ᠎ᠡ ᠭᠡᠷ ᠪᠠᠷᠢᠭᠰᠠᠨ ᠪᠠᠢ᠌ᠲᠠᠯ᠎ᠠ᠎ᠪᠠᠨ ᠰᠢᠨ᠎ᠡ ᠲᠣᠰᠬᠤᠨ ᠬᠠᠷᠠᠭᠳᠠᠬᠤ ᠦᠭᠡᠢ᠂ ᠶᠠᠳᠠᠭᠤ ᠬᠦᠴᠢᠷᠳᠡᠯᠲᠡᠶ ᠡᠷᠦᠬᠡ ᠰᠢᠨ᠎ᠡ ᠭᠡᠷ ᠡᠵᠡᠯᠡᠭᠰᠡᠳ ᠬᠠᠭᠤᠴᠢᠨ ᠭᠡᠷ ᠵᠶ᠋ᠡᠨ ᠨᠤᠷᠠᠭ᠋ᠠᠬᠤ ᠦᠭᠡᠢ᠂ ᠬᠣᠵᠢᠮ ᠰᠢᠯᠭ᠋ᠠᠨ ᠪᠣᠳᠠᠲᠠᠢ᠌ᠵᠢᠭᠤᠯᠬᠤ᠎ᠳᠤ ᠲᠠᠯᠳᠠ ᠭᠡᠮ ᠦᠯᠡᠳᠡᠭᠡᠬᠦ᠎ᠠᠴᠠ ᠵᠠᠢ᠌ᠯᠠᠰᠬᠢᠬᠦ ᠵᠢᠨ ᠲᠥᠯᠥᠭᠡ ᠶᠤᠮ᠃
ᠡᠭᠦᠨ᠎ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠪᠡᠯᠡ ᠴᠤᠭᠯᠠᠭᠤᠯᠭ᠎ᠠ ᠵᠢ ᠮᠥᠨ ᠬᠦ᠌ ᠬᠥᠮᠦᠨ ᠪᠦᠷᠢ᠎ᠳᠤ ᠳᠤᠮᠳᠠᠴᠢ᠎ᠪᠠᠷ 6 ᠲᠦᠮᠡᠨ ᠲᠥᠭᠥᠷᠢᠭ ᠵᠶ᠋ᠡᠷ ᠪᠦᠳᠦᠭᠦᠪᠴᠢᠯᠡᠨ ᠪᠤᠳᠤᠭᠰᠠᠨ᠎ᠳᠤ᠂ ᠡᠭᠦᠨ᠎ᠳᠤ᠂ ᠲᠠᠨᠭ᠌ᠰᠠ ᠡᠪᠬᠡᠮᠡᠯ ᠪᠠᠢ᠌ᠭᠤᠯᠵᠤ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠬᠥᠮᠦᠨ ᠪᠦᠷᠢ᠎ᠳᠤ ᠭᠡᠷ ᠪᠠᠷᠢᠬᠤ ᠪᠡᠯᠡ ᠮᠥᠩᠭᠥ 2 ᠲᠦᠮᠡᠨ ᠲᠥᠭᠥᠷᠢᠭ ᠣᠯᠭᠣᠵᠤ᠂ ᠦᠯᠡᠳᠡᠭᠰᠡᠨ 4 ᠲᠦᠮᠡᠨ ᠲᠥᠭᠥᠷᠢᠭ᠎ᠢ ᠰᠠᠭᠤᠷᠢ ᠪᠡᠯᠡᠳᠬᠡᠮᠵᠢ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠦᠲᠦᠭᠡᠨ ᠪᠠᠶ᠋ᠢᠭᠤᠯᠤᠯᠲᠠ ᠵᠢ ᠪᠠᠲᠤᠯᠠᠭᠰᠠᠨ ᠤᠷᠢᠲᠠᠯ᠎ᠤᠨ ᠳᠣᠣᠷ᠎ᠠ᠂ ᠦᠢ᠍ᠯᠡᠳᠪᠦᠷᠢᠯᠡᠯ᠎ᠢ ᠬᠥᠭᠵᠢᠭᠦᠯᠬᠦ᠎ᠳᠤ ᠬᠡᠷᠡᠭᠡᠯᠡᠬᠦ ᠵᠢ᠎ᠨᠢ ᠵᠥᠪᠰᠢᠶᠡᠷᠡᠨ᠎ᠡ᠃ ᠵᠠᠷᠢᠮ ᠠᠶ᠋ᠢᠮᠠᠭ ᠬᠤᠳᠠ ᠣᠷᠣᠨ ᠰᠠᠭᠤᠴᠠ ᠵᠢᠨ ᠨᠥᠬᠥᠪᠥᠷᠢ ᠵᠢᠨ ᠦᠯᠡᠳᠡᠪᠦᠷᠢ ᠵᠢ ᠲᠣᠬᠢᠷᠠᠭᠤᠯᠤᠨ ᠬᠡᠷᠡᠭᠯᠡᠵᠦ ᠪᠣᠯᠬᠤ ᠡᠰᠡᠬᠦ ᠵᠢ ᠳᠤᠷᠠᠳᠴᠠᠢ᠂ ᠥᠪᠡᠷᠲᠡᠭᠡᠨ ᠵᠠᠰᠠᠬᠤ ᠣᠷᠣᠨ ᠨᠢᠭᠡᠳᠦᠯᠲᠡᠶ ᠲᠣᠭᠲᠠᠭ᠋ᠠᠬᠤ ᠦᠭᠡᠢ᠂ ᠡᠯ᠎ᠡ ᠭᠠᠵᠠᠷ᠎ᠤᠳ᠎ᠬᠢᠨ ᠥᠪᠡᠷ ᠵᠶ᠋ᠡᠨ ᠡᠵᠡᠮᠳᠡᠵᠦ ᠪᠣᠯᠣᠨ᠎ᠠ᠂ ᠭᠡᠪᠡᠴᠦ ᠬᠠᠮᠤᠭ᠎ᠤᠨ ᠳᠣᠣᠷ᠎ᠠ ᠬᠣᠷᠢᠭ᠎ᠠ ᠱᠤᠭᠤᠮ᠎ᠨᠢ ᠤᠯᠠᠨ ᠲᠦᠮᠡᠨ᠎ᠤ ᠳᠡᠭᠡᠭᠰᠢ ᠰᠤᠷᠪᠤᠯᠵᠢᠯᠠᠬᠤ ᠬᠡᠷᠡᠭ ᠭᠠᠷᠭ᠋ᠠᠵᠤ ᠪᠣᠯᠬᠤ ᠦᠭᠡᠢ᠂ ᠨᠡᠶ᠋ᠢᠭᠡᠮ᠎ᠤᠨ ᠰᠢᠨ᠎ᠡ ᠵᠥᠷᠢᠴᠡᠯ ᠡᠭᠦᠰᠬᠡᠵᠦ ᠪᠣᠯᠬᠤ ᠦᠭᠡᠢ᠃ ᠵᠠᠷᠢᠮ ᠠᠶ᠋ᠢᠮᠠᠭ ᠬᠣᠲᠠ ᠵᠠᠷᠢᠮ ᠭᠡᠷ ᠪᠦᠯᠢ ᠵᠢᠨ ᠶᠠᠳᠠᠭᠤ ᠬᠦᠴᠢᠷᠳᠡᠯᠲᠡᠶ ᠬᠥᠮᠦᠨ ᠠᠮᠠ ᠴᠥᠭᠡᠨ ᠪᠥᠭᠡᠳ ᠭᠡᠷ ᠪᠠᠷᠢᠬᠤ ᠪᠡᠯᠡ ᠮᠥᠩᠭᠥ ᠴᠦ᠍ ᠬᠦᠷᠦᠯᠴᠡᠬᠦ ᠦᠭᠡᠢ ᠪᠠᠢ᠌ᠬᠤ ᠲᠤᠯᠠ᠂ ᠡᠷᠦᠭᠡ᠎ᠪᠠᠷ ᠨᠢᠭᠡᠴᠡ ᠪᠣᠯᠭ᠋ᠠᠵᠤ ᠨᠥᠬᠥᠪᠥᠷᠢ ᠥᠭᠴᠦ ᠪᠣᠯᠣᠨ᠎ᠠ ᠦᠦ ᠦᠭᠡᠢ ᠦᠦ ᠭᠡᠵᠦ ᠳᠤᠷᠠᠳᠤᠭᠰᠠᠨ ᠪᠠᠢ᠌ᠳᠠᠭ᠂ ᠥᠪᠡᠷᠲᠡᠭᠡᠨ ᠵᠠᠰᠠᠬᠤ ᠣᠷᠣᠨ ᠬᠥᠮᠦᠨ ᠪᠦᠷᠢ ᠵᠢᠨ ᠳᠤᠮᠳᠠᠴᠢ ᠭᠡᠷ ᠪᠠᠷᠢᠬᠤ ᠪᠡᠯᠡ ᠮᠥᠩᠭᠥᠨ᠎ᠤ ᠨᠥᠬᠥᠪᠥᠷᠢ ᠵᠢᠨ ᠪᠠᠷᠢᠮᠵᠢᠶ᠎ᠠ ᠵᠢ 2 ᠲᠦᠮᠡᠨ ᠲᠥᠭᠥᠷᠢᠭ ᠵᠶ᠋ᠡᠷ ᠲᠣᠭᠲᠠᠭ᠋ᠠᠭᠰᠠᠨ ᠶᠤᠮ᠂ ᠬᠦᠷᠦᠯᠴᠡᠬᠦ ᠦᠭᠡᠢ ᠬᠡᠰᠡᠭ᠎ᠢ ᠣᠷᠣᠨ ᠨᠤᠲᠤᠭ ᠥᠪᠡᠷᠲᠡᠭᠡᠨ ᠴᠤᠭᠯᠠᠭᠤᠯᠬᠤ ᠬᠡᠷᠡᠭᠲᠡᠢ᠂ ᠡᠨᠡ ᠪᠠᠷᠢᠮᠵᠢᠶ᠎ᠠ ᠵᠢ ᠳᠠᠪᠠᠭᠤᠯᠵᠤ ᠪᠣᠯᠬᠤ ᠥᠭᠡᠢ᠃
ᠬᠥᠲᠥᠯᠥᠭᠴᠢ᠄
ᠵᠡᠷᠭᠡ᠎ᠪᠠᠷ ᠨᠡᠭᠦᠯᠭᠡᠬᠦ ᠬᠥᠮᠦᠨ ᠠᠮᠠ ᠵᠢ ᠬᠡᠷᠬᠢᠨ ᠲᠣᠭᠲᠠᠭ᠋ᠠᠬᠤ ᠪᠤᠢ? ᠡᠷᠦᠬᠡ ᠠᠮᠠ ᠵᠢᠨ ᠳᠠᠩᠰᠠ᠎ᠨᠢ ᠪᠠᠢ᠌ᠭ᠋ᠠᠳ ᠬᠥᠮᠦᠨ᠎ᠨᠢ ᠪᠠᠢ᠌ᠬᠤ ᠦᠭᠡᠢ ᠪᠣᠯ᠂ ᠵᠡᠷᠭᠡ᠎ᠪᠠᠷ ᠨᠡᠭᠦᠯᠭᠡᠬᠦ ᠬᠦᠮᠦᠨ ᠠᠮᠠ ᠵᠢᠨ ᠲᠦ᠍ᠷᠦ ᠵᠢᠨ ᠪᠤᠳᠤᠯᠭ᠎ᠠ ᠵᠢᠨ ᠬᠠᠷᠠᠭ᠋ᠠᠯᠵᠠᠯ᠎ᠢ ᠬᠦᠷᠲᠡᠵᠦ ᠪᠣᠯᠤᠨ᠎ᠠ ᠦᠦ ᠦᠭᠡᠢ ᠦᠦ?
ᠸᠸᠨ ᠮᠢᠨ᠄
ᠵᠡᠷᠭᠡ᠎ᠪᠠᠷ ᠨᠡᠭᠦᠯᠭᠡᠬᠦ ᠬᠥᠮᠦᠨ ᠠᠮᠠ ᠵᠢ ᠪᠣᠯ 2015 ᠣᠨ᠎ᠤ ᠵᠢᠯ᠎ᠤᠨ ᠡᠴᠦᠰ ᠪᠣᠯᠲᠠᠯ᠎ᠠ ᠡᠷᠦᠬᠡ ᠠᠮᠠ ᠵᠢᠨ ᠳᠠᠩᠰᠠ ᠵᠢᠨ ᠪᠠᠶ᠋ᠢᠭ᠎ᠠ ᠭᠠᠵᠠᠷ᠎ᠲᠤ ᠪᠦᠬᠦᠯᠢ ᠨᠢᠭᠡ ᠵᠢᠯ᠎ᠠᠴᠠ ᠳᠡᠭᠡᠭᠰᠢ ᠵᠠᠯᠭ᠋ᠠᠭ᠎ᠠ᠎ᠪᠠᠷ ᠤᠷᠤᠰᠢᠨ ᠰᠠᠭᠤᠭᠰᠠᠨ ᠲᠤᠰ ᠭᠠᠴᠠᠭ᠋ᠠᠨ᠎ᠤ ᠡᠷᠤᠭᠡ ᠠᠮᠠ ᠵᠢᠨ ᠳᠠᠩᠰᠠ᠎ᠲᠠᠢ ᠬᠥᠮᠦᠨ ᠠᠮᠠ᠎ᠪᠠᠷ ᠲᠣᠭᠲᠠᠭ᠋ᠠᠭᠰᠠᠨ ᠶᠤᠮ᠃ ᠵᠡᠷᠭᠡ᠎ᠪᠠᠷ ᠨᠡᠭᠦᠯᠭᠡᠬᠦ᠎ᠨᠢ ᠬᠠᠲᠠᠭᠤ ᠱᠠᠭ᠋ᠠᠷᠳᠠᠯᠭ᠎ᠠ ᠪᠢᠰᠢ᠂ ᠨᠡᠩ ᠴᠤ᠌ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠬᠥᠮᠦᠨ ᠠᠮᠠ ᠪᠠᠢ᠌ᠪᠠᠯ ᠳᠠᠷᠤᠢ ᠡᠷᠬᠡᠪᠰᠢ ᠲᠡᠭᠦᠨ᠎ᠯᠦᠭᠡ ᠵᠣᠬᠢᠴᠠᠭᠰᠠᠨ ᠬᠠᠭ᠋ᠠᠰ ᠲᠣᠭ᠋ᠠᠨ᠎ᠤ ᠬᠥᠮᠦᠨ ᠠᠮᠠ ᠵᠢ ᠵᠡᠷᠭᠡ᠎ᠪᠠᠷ ᠨᠡᠭᠦᠯᠭᠡᠬᠦ ᠴᠢᠬᠤᠯᠠᠲᠠᠶ ᠭᠡᠰᠡᠨ ᠶᠠᠪᠤᠳᠠᠯ ᠪᠢᠰᠢ᠃ ᠵᠡᠷᠭᠡ᠎ᠪᠠᠷ ᠨᠡᠭᠦᠯᠭᠡᠬᠦ ᠬᠥᠮᠦᠨ ᠠᠮᠠ ᠵᠢᠨ ᠲᠥᠷᠦ ᠵᠢᠨ ᠪᠣᠳᠤᠯᠭ᠎ᠠ ᠵᠢ ᠠᠯᠢ ᠴᠢᠳᠠᠬᠤ᠎ᠪᠠᠷ ᠪᠣᠢ᠌ᠳᠠ ᠪᠦᠭᠯᠡᠭᠦᠦ᠂ ᠵᠠᠮ ᠬᠠᠷᠢᠯᠴᠠᠭ᠎ᠠ ᠳᠥᠭᠥᠮ ᠦᠭᠡᠢ᠂ ᠣᠷᠣᠰᠢᠨ ᠲᠣᠭᠲᠠᠨᠢᠬᠤ ᠵᠢᠨ ᠣᠷᠴᠢᠨ ᠲᠣᠭᠣᠷᠢᠨ ᠮᠠᠭᠤ᠂ ᠣᠷᠣᠨ ᠰᠠᠭᠤᠴᠠ ᠵᠢᠨ ᠪᠠᠶ᠋ᠢᠳᠠᠯ ᠮᠠᠭᠤ᠂ ᠪᠠᠶ᠋ᠢᠩᠭᠤ ᠰᠠᠭᠤᠭ᠎ᠠ ᠡᠷᠦᠬᠡ ᠨᠡᠯᠢᠶᠡᠳ ᠴᠥᠭᠡᠨ ᠭᠠᠴᠠᠭ᠎ᠠ ᠲᠤᠰᠬᠤᠨ ᠳᠡᠰ᠎ᠢ ᠬᠡᠯᠪᠡᠶ᠋ᠢᠯᠭᠡᠵᠦ᠂ ᠪᠦᠬᠦᠯᠢ ᠲᠤᠰᠬᠤᠨ ᠵᠶ᠋ᠠᠷ᠎ᠨᠢ ᠨᠡᠭᠦᠯᠭᠡᠬᠦ ᠵᠢ ᠵᠣᠷᠢᠭᠵᠢᠭᠤᠯᠤᠨ᠎ᠠ᠃ ᠬᠡᠷᠪᠡ ᠡᠷᠦᠬᠡ ᠠᠮᠠ ᠵᠢᠨ ᠳᠠᠩᠰᠠ᠎ᠨᠢ ᠲᠤᠬᠠᠶ ᠵᠢᠨ ᠭᠠᠵᠠᠷ᠎ᠲᠠᠭᠠᠨ ᠪᠠᠢ᠌ᠬᠤ ᠪᠣᠯᠪᠠᠴᠤ ᠨᠢᠭᠡᠨᠲᠡ ᠤᠯᠠᠨ ᠵᠢᠯ ᠭᠠᠳᠠᠭᠰᠢ ᠶᠠᠪᠤᠵᠤ᠂ ᠡᠷᠦᠬᠡ ᠠᠮᠠ ᠵᠢᠨ ᠳᠠᠩᠰᠠ ᠵᠢᠨ ᠪᠠᠢ᠌ᠭ᠎ᠠ ᠭᠠᠵᠠᠷ᠎ᠲᠠᠭᠠᠨ ᠵᠠᠯᠭ᠋ᠠᠭ᠎ᠠ᠎ᠪᠠᠷ ᠨᠢᠭᠡ ᠵᠢᠯ ᠤᠷᠤᠰᠢᠨ ᠰᠠᠭᠤᠭᠰᠠᠨ ᠦᠭᠡᠢ ᠪᠣᠯ᠂ ᠵᠡᠷᠭᠡ᠎ᠪᠠᠷ ᠨᠡᠭᠦᠯᠭᠡᠬᠦ ᠬᠥᠮᠦᠨ ᠠᠮᠠ᠎ᠳᠤ ᠲᠣᠭ᠋ᠠᠴᠢᠬᠤ ᠦᠭᠡᠢ᠃ ᠥᠪᠡᠷᠲᠡᠭᠡᠨ ᠵᠠᠰᠠᠬᠤ ᠣᠷᠣᠨ ᠵᠡᠷᠭᠡ᠎ᠪᠠᠷ ᠨᠡᠭᠦᠯᠭᠡᠬᠦ ᠬᠦᠮᠦᠨ ᠠᠮᠠ ᠵᠢ ᠳᠦᠷᠪᠡᠨ ᠵᠢᠯ᠎ᠳᠤ ᠨᠡᠢ᠌ᠲᠡ 10 ᠲᠦᠮᠨ ᠲᠣᠬᠢᠷᠠᠭᠤᠯᠤᠨ᠂ ᠡᠭᠦᠷᠭᠡ ᠵᠢ ᠨᠢᠭᠡᠨᠲᠡ ᠡᠯ᠎ᠡ ᠠᠶ᠋ᠢᠮᠠᠭ ᠬᠤᠳᠠ᠂ ᠬᠣᠰᠢᠭᠤ ᠰᠢᠶᠠᠨ᠎ᠳᠤ ᠬᠤᠪᠢᠶᠠᠨ ᠦᠭᠭᠦᠭᠰᠡᠨ ᠲᠤᠯᠠ᠂ ᠲᠦᠷ ᠲᠣᠬᠢᠷᠠᠭᠤᠯᠤᠯᠲᠠ ᠬᠢᠬᠦ ᠦᠭᠡᠶ᠂ ᠭᠣᠣᠯ᠎ᠨᠢ ᠬᠡᠪᠴᠢᠶ᠎ᠡ ᠵᠢ ᠨᠡᠮᠡᠭᠳᠡᠭᠦᠯᠬᠦ ᠦᠭᠡᠢ᠃ ᠵᠡᠷᠭᠡ᠎ᠪᠠᠷ ᠨᠡᠭᠦᠯᠭᠡᠬᠦ ᠬᠥᠮᠦᠨ ᠠᠮᠠ ᠵᠢᠨ ᠭᠦᠢ᠍ᠴᠡᠳᠬᠡᠯ ᠲᠣᠭ᠎ᠠ᠎ᠨᠢ ᠬᠦᠷᠦᠯᠴᠡᠬᠦ ᠦᠭᠡᠢ ᠪᠣᠯ᠂ ᠬᠣᠰᠢᠭᠤ ᠰᠢᠶᠠᠨ᠎ᠨᠢ ᠳᠣᠲᠤᠭ᠋ᠠᠳᠤ᠎ᠳᠠᠭᠠᠨ ᠲᠤᠬᠢᠷᠠᠭᠤᠯᠤᠯᠳᠠ ᠬᠢᠬᠦ ᠵᠢ ᠵᠦᠪᠰᠢᠶᠡᠷᠡᠨ᠎ᠡ᠃ ᠡᠨᠡ ᠨᠢᠭᠡ ᠵᠢᠯ᠎ᠤᠨ ᠬᠡᠷᠡᠭᠵᠢᠭᠦᠯᠦᠯᠲᠡ᠎ᠪᠠᠷ ᠳᠠᠮᠵᠢᠨ᠂ ᠵᠠᠷᠢᠮ ᠠᠶ᠋ᠢᠮᠠᠭ ᠬᠤᠳᠠ ᠵᠡᠷᠭᠡ᠎ᠪᠠᠷ ᠨᠡᠭᠦᠯᠭᠡᠬᠦ ᠬᠥᠮᠦᠨ ᠠᠮᠠ ᠵᠢᠨ ᠲᠥᠷᠦ ᠵᠢᠨ ᠪᠣᠳᠤᠯᠭ᠎ᠠ ᠵᠢ ᠦᠨᠡᠬᠡᠷ ᠨᠠᠶ᠋ᠢᠳᠠᠪᠤᠷᠢᠵᠢᠭᠤᠯᠵᠤ ᠴᠢᠳᠠᠬᠤ ᠦᠭᠡᠢ ᠪᠦᠭᠡᠳ ᠵᠠᠷᠢᠮ ᠠᠶ᠋ᠢᠮᠠᠭ ᠬᠤᠳᠠ ᠵᠢᠨ ᠭᠦᠢ᠍ᠴᠡᠳᠬᠡᠯ ᠲᠣᠭ᠎ᠠ᠎ᠨᠢ ᠬᠦᠷᠦᠯᠴᠡᠬᠦ ᠦᠭᠡᠢ ᠪᠠᠢ᠌ᠪᠠᠯ᠂ ᠢᠷᠡᠬᠦ ᠵᠢᠯ᠎ᠳᠤ ᠳᠠᠬᠢᠨ ᠲᠣᠬᠢᠷᠠᠭᠤᠯᠤᠯᠲᠠ ᠬᠢᠨ᠎ᠡ᠃
ᠬᠥᠲᠥᠯᠥᠭᠴᠢ᠄
ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠲᠥᠯᠥᠪᠵᠢᠭᠦᠯᠭᠡ᠂ ᠬᠡᠷᠡᠭᠵᠢᠭᠦᠯᠦᠯᠲᠡ ᠵᠢᠨ ᠲᠥᠰᠦᠯ ᠪᠠ ᠣᠨ᠎ᠤ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠵᠤ ᠬᠢᠨᠠᠨ ᠵᠦᠪᠰᠢᠶᠡᠷᠡᠭᠦᠯᠬᠦ ᠡᠷᠬᠡ ᠮᠡᠳᠡᠯ᠎ᠢ ᠶᠠᠭ᠋ᠠᠬᠢᠵᠤ ᠤᠢ᠌ᠯᠭ᠋ᠠᠬᠤ ᠪᠣᠢ?
ᠸᠸᠨ ᠮᠢᠨ᠄
ᠠᠶ᠋ᠢᠮᠠᠭ ᠬᠤᠳᠠ᠂ ᠬᠣᠰᠢᠭᠤ ᠰᠢᠶᠠᠨ ᠪᠦᠷ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠲᠥᠯᠥᠪᠵᠢᠭᠦᠯᠭᠡ᠂ ᠬᠡᠷᠡᠭᠵᠢᠭᠦᠯᠦᠯᠲᠡ ᠵᠢᠨ ᠲᠥᠰᠦᠯ ᠪᠠ ᠣᠨ᠎ᠤ ᠬᠡᠷᠡᠭᠵᠢᠭᠦᠯᠬᠦ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠬᠤ ᠵᠢ ᠱᠠᠭ᠋ᠠᠷᠳᠠᠨ᠎ᠠ᠃ ᠬᠣᠰᠢᠭᠤ ᠰᠢᠶᠠᠨ᠎ᠤ ᠬᠡᠷᠡᠭᠵᠢᠭᠦᠯᠦᠯᠲᠡ ᠵᠢᠨ ᠲᠥᠰᠦᠯ ᠪᠠ ᠲᠥᠯᠥᠪᠯᠡᠭᠡ ᠵᠢ ᠬᠢᠨᠠᠨ ᠵᠦᠪᠰᠢᠶᠡᠷᠡᠭᠦᠯᠬᠦ ᠲᠠᠯ᠎ᠠ᠎ᠪᠠᠷ᠂ ᠥᠪᠡᠷᠲᠡᠭᠡᠨ ᠵᠠᠰᠠᠬᠤ ᠤᠷᠤᠨ᠎ᠤ ᠠᠵᠢᠯ᠎ᠢ ᠵᠣᠬᠢᠴᠠᠭᠤᠯᠬᠤ ᠳᠤᠭᠤᠶ᠋ᠢᠯᠠᠩ᠎ᠤᠨ ᠬᠤᠷᠠᠯ᠎ᠠᠴᠠ ᠬᠢᠨᠠᠨ ᠵᠦᠪᠰᠢᠶᠡᠷᠡᠬᠦ ᠡᠷᠬᠡ ᠮᠡᠳᠡᠯ᠎ᠢ ᠬᠣᠰᠢᠭᠤ ᠰᠢᠶᠠᠨ᠎ᠳᠤ ᠪᠠᠭᠤᠯᠭ᠋ᠠᠵᠤ᠂ ᠬᠣᠰᠢᠭᠤ ᠰᠢᠶᠠᠨ᠎ᠤ ᠵᠠᠰᠠᠭ᠎ᠤᠨ ᠣᠷᠳᠣᠨ᠎ᠨᠢ ᠬᠡᠷᠡᠭᠵᠢᠭᠦᠯᠦᠯᠲᠡ ᠵᠢᠨ ᠲᠥᠰᠦᠯ ᠪᠠ ᠣᠨ᠎ᠤ ᠬᠡᠷᠡᠭᠵᠢᠭᠦᠯᠬᠦ ᠲᠥᠯᠥᠪᠯᠡᠭᠡ ᠵᠢ ᠬᠢᠨᠠᠨ ᠵᠥᠪᠰᠢᠶᠡᠷᠡᠬᠦ ᠵᠢ ᠬᠠᠷᠢᠭᠤᠴᠠᠬᠤ ᠪᠦᠭᠡᠳ ᠠᠶ᠋ᠢᠮᠠᠭ ᠬᠤᠳᠠ᠂ ᠥᠪᠡᠷᠲᠡᠭᠡᠨ ᠵᠠᠰᠠᠬᠤ ᠣᠷᠣᠨ᠎ᠤ ᠠᠵᠢᠯ᠎ᠢ ᠵᠣᠬᠢᠴᠠᠭᠤᠯᠬᠤ ᠳᠤᠭᠤᠶ᠋ᠢᠯᠠᠩ᠎ᠤᠨ ᠠᠯᠪᠠᠨ ᠭᠡᠷ᠎ᠲᠤ ᠮᠡᠳᠡᠭᠦᠯᠵᠦ ᠳᠠᠩᠰᠠᠯᠠᠭᠤᠯᠵᠦ᠂ ᠬᠣᠰᠢᠭᠤ ᠰᠢᠶᠠᠨ᠎ᠤ ᠵᠠᠰᠠᠭ᠎ᠤᠨ ᠣᠷᠳᠣᠨ᠎ᠨᠢ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠬᠡᠷᠡᠭᠲᠡᠢ ᠭᠡᠵᠦ ᠲᠣᠳᠤᠷᠬᠠᠢ ᠱᠠᠭ᠋ᠠᠷᠳᠠᠪᠠ᠃
ᠬᠥᠲᠥᠯᠥᠭᠴᠢ᠄
ᠸᠸᠨ ᠡᠷᠬᠢᠯᠡᠭᠴᠢ ᠡ᠂ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠪᠡᠯᠡ ᠤᠷᠤᠭᠤᠯᠤᠯᠲᠠ ᠲᠣᠬᠢᠷᠠᠭᠤᠯᠭ᠎ᠠ ᠵᠢᠨ ᠭᠣᠣᠯ ᠴᠣᠭᠴᠠ᠎ᠨᠢ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢᠨ ᠭᠣᠣᠯ ᠴᠣᠭᠴᠠ ᠪᠠᠢ᠌ᠵᠤ ᠪᠣᠯᠤᠨ᠎ᠠ ᠦᠦ ᠦᠭᠡᠢ ᠦᠦ?
ᠸᠸᠨ ᠮᠢᠨ᠄
ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠵᠢᠨ ᠪᠡᠯᠡ ᠮᠦᠩᠭᠦ ᠵᠢᠨ ᠠᠵᠢᠯᠯᠠᠭ᠋ᠠᠨ᠎ᠤ ᠠᠷᠭ᠎ᠠ ᠮᠠᠶᠢᠭ᠎ᠨᠢ ᠪᠣᠯ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠤ ᠵᠠᠷᠴᠢᠮ ᠶᠣᠰᠣᠭ᠋ᠠᠷ᠂ ᠰᠢᠨ᠎ᠡ᠎ᠪᠠᠷ ᠪᠠᠢ᠌ᠭᠤᠯᠬᠤ᠂ ᠦᠭᠡᠷᠡᠴᠢᠯᠡᠨ ᠪᠠᠢ᠌ᠭᠤᠯᠬᠤ ᠺᠣᠮᠫᠠᠨᠢ ᠪᠤᠶᠤ ᠤᠳᠤ ᠪᠠᠶ᠋ᠢᠭ᠎ᠠ ᠶᠡᠷᠦᠩᠬᠡᠶ᠋ᠢᠯᠡᠭᠰᠡᠨ ᠴᠢᠨᠠᠷᠲᠠᠶ ᠪᠡᠯᠡ ᠣᠷᠤᠭᠤᠯᠤᠯᠲᠠ ᠲᠣᠬᠢᠷᠠᠭᠤᠯᠭ᠎ᠠ ᠵᠢᠨ ᠺᠣᠮᠫᠠᠨᠢ᠎ᠳᠤ ᠰᠠᠯᠪᠤᠷᠢ ᠺᠣᠮᠫᠠᠨᠢ ᠪᠠᠢ᠌ᠭᠤᠯᠬᠤ᠎ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠪᠡᠯᠡ ᠤᠷᠤᠭᠤᠯᠤᠯᠲᠠ ᠲᠣᠬᠢᠷᠠᠭᠤᠯᠭ᠎ᠠ ᠵᠢᠨ ᠭᠣᠣᠯ ᠴᠣᠭᠴᠠ ᠪᠠ ᠬᠣᠰᠢᠭᠤ ᠰᠢᠶᠠᠨ᠎ᠤ ᠱᠠᠲᠤᠨ᠎ᠤ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢᠨ ᠭᠣᠣᠯ ᠴᠣᠭᠴᠠ ᠵᠢ ᠵᠣᠬᠢᠶᠠᠨ ᠪᠠᠢ᠌ᠭᠤᠯᠤᠨ᠎ᠠ᠃ ᠵᠢᠷᠤᠮᠵᠢᠭᠰᠠᠨ ᠨᠡᠷᠡᠶ᠋ᠢᠳᠦᠯ᠎ᠤᠨ ᠲᠠᠯ᠎ᠠ᠎ᠠᠴᠠ ᠠᠪᠴᠤ ᠬᠡᠯᠡᠪᠡᠯ᠂ ᠥᠪᠡᠷᠲᠡᠭᠡᠨ ᠵᠠᠰᠠᠬᠤ ᠣᠷᠣᠨ᠎ᠤ ᠲᠠᠪᠴᠠᠩ᠎ᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠪᠡᠯᠡ ᠤᠷᠤᠭᠤᠯᠤᠯᠲᠠ ᠲᠣᠬᠢᠷᠠᠭᠤᠯᠭ᠎ᠠ ᠵᠢᠨ ᠭᠣᠣᠯ ᠴᠣᠭᠴᠠ ᠭᠡᠵᠦ᠂ ᠬᠣᠰᠢᠭᠤ ᠰᠢᠶᠠᠨ᠎ᠤ ᠲᠠᠪᠴᠠᠩ᠎ᠢ ᠬᠣᠰᠢᠭᠤ ᠰᠢᠶᠠᠨ᠎ᠤ ᠱᠠᠲᠤᠨ᠎ᠤ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢᠨ ᠭᠣᠣᠯ ᠴᠣᠭᠴᠠ ᠭᠡᠨ᠎ᠡ᠃ ᠥᠪᠡᠷᠲᠡᠭᠡᠨ ᠵᠠᠰᠠᠬᠤ ᠣᠷᠣᠨ᠎ᠤ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠪᠡᠯᠡ ᠤᠷᠤᠭᠤᠯᠤᠯᠲᠠ ᠲᠣᠬᠢᠷᠠᠭᠤᠯᠭ᠎ᠠ ᠵᠢᠨ ᠭᠣᠣᠯ ᠴᠣᠭᠴᠨ ᠪᠣᠯᠤᠨ ᠬᠣᠰᠢᠭᠤ ᠰᠢᠶᠠᠨ᠎ᠤ ᠱᠠᠲᠤᠨ᠎ᠤ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢᠨ ᠭᠣᠣᠯ ᠴᠣᠭᠴᠠ ᠵᠢᠨ ᠭᠣᠣᠯ ᠴᠢᠳᠠᠪᠤᠷᠢ᠎ᠨᠢ ᠭᠡᠪᠡᠯ ᠲᠤᠰ ᠲᠤᠰ ᠲᠥᠪ᠎ᠤᠨ ᠪᠠ ᠥᠪᠡᠷᠲᠡᠭᠡᠨ ᠵᠠᠰᠠᠬᠤ ᠤᠷᠤᠨ᠎ᠤ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠬᠣᠯᠪᠣᠭᠳᠠᠯ ᠪᠦᠬᠦᠢ ᠪᠡᠯᠡ ᠮᠥᠩᠭᠥ ᠵᠢ ᠳᠠᠭ᠋ᠠᠭ᠋ᠠᠴᠢᠯᠠᠨ ᠠᠪᠴᠤ᠂ ᠪᠤᠰᠤᠳ ᠲᠤᠬᠠᠶ᠋ᠢᠯᠠᠭᠰᠠᠨ ᠠᠵᠢᠯ᠎ᠤᠨ ᠪᠣᠳᠠᠰ᠎ᠤᠨ ᠬᠦᠴᠦᠨ᠎ᠠᠴᠠ ᠢᠯᠭ᠋ᠠᠨ ᠰᠠᠯᠭ᠋ᠠᠵᠤ ᠠᠰ ᠵᠶ᠋ᠠᠷ᠎ᠨᠢ ᠪᠢᠲᠡᠭᠦᠮᠵᠢᠯᠡᠨ ᠠᠵᠢᠯᠯᠠᠭᠤᠯᠵᠤ᠂ ᠲᠤᠰᠬᠠᠶ ᠳᠠᠩᠰᠠ ᠲᠤᠰᠬᠠᠢ ᠡᠷᠦᠬᠡ᠎ᠪᠠᠷ ᠬᠠᠮᠢᠶᠠᠷᠤᠨ᠎ᠠ᠃ ᠪᠣᠳᠠᠲᠠᠢ ᠲᠦᠷᠦᠯ ᠵᠦᠢ᠍ᠯ᠎ᠢ ᠪᠣᠯ ᠬᠠᠰᠢᠯᠠ ᠬᠣᠰᠢᠭᠤ ᠰᠢᠶᠠᠨ᠎ᠤ ᠵᠠᠰᠠᠭ᠎ᠤᠨ ᠣᠷᠳᠣᠨ ᠵᠶ᠋ᠠᠷ ᠭᠣᠣᠯ ᠪᠣᠯᠭ᠋ᠠᠨ ᠬᠡᠷᠡᠭᠵᠢᠭᠦᠯᠦᠨ᠎ᠡ᠃ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢᠨ ᠭᠣᠣᠯ ᠴᠣᠭᠴᠠ ᠪᠠᠢ᠌ᠭᠤᠯᠬᠤ ᠦᠭᠡᠢ ᠪᠣᠶᠣ ᠵᠣᠬᠢᠶᠠᠨ ᠪᠠᠢ᠌ᠭᠤᠯᠤᠭᠰᠠᠨ ᠦᠭᠡᠢ ᠵᠢᠭ᠋ᠠᠨ ᠲᠣᠭᠲᠠᠭ᠋ᠠᠭᠰᠠᠨ ᠦᠭᠡᠢ ᠬᠣᠰᠢᠭᠤ ᠰᠢᠶᠠᠨ᠎ᠳᠤ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠪᠡᠯᠡ ᠮᠥᠩᠭᠥ ᠰᠠᠯᠭ᠋ᠠᠨ ᠥᠭᠬᠦ ᠦᠭᠡᠢ᠂ ᠬᠡᠷᠡᠭ ᠳᠡᠭᠡᠷ᠎ᠡ᠎ᠪᠠᠨ ᠮᠥᠨ ᠴᠦ᠍ ᠪᠡᠯᠡ ᠮᠦᠩᠭᠦ ᠵᠢ ᠳᠠᠭ᠋ᠠᠭ᠋ᠠᠴᠢᠯᠠᠨ ᠠᠪᠴᠤ ᠴᠢᠳᠠᠬᠤ ᠦᠭᠡᠢ ᠶᠤᠮ᠃
ᠬᠥᠲᠥᠯᠥᠭᠴᠢ᠄
ᠲᠡᠭᠡᠪᠡᠯ ᠡᠯ᠎ᠡ ᠲᠦᠷᠦᠯ᠎ᠤᠨ ᠪᠡᠯᠡ ᠮᠥᠩᠭᠥ ᠵᠢ ᠶᠠᠭ᠋ᠠᠬᠢᠵᠤ ᠨᠢᠭᠡᠳᠦᠯᠲᠡᠢ ᠲᠦᠯᠦᠪᠯᠡᠬᠦ ᠪᠣᠢ?
ᠸᠸᠨ ᠮᠢᠨ᠄
ᠬᠣᠰᠢᠭᠤ ᠰᠢᠶᠠᠨ᠎ᠤ ᠡᠳ᠋᠎ᠤᠨ ᠵᠠᠰᠠᠭ᠎ᠨᠢ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠳᠠ ᠵᠢᠨ ᠡᠳ᠋᠎ᠤᠨ ᠵᠠᠰᠠᠭ᠎ᠤᠨ ᠲᠠᠷᠢᠶᠠᠯᠠᠩ ᠮᠠᠯ ᠠᠵᠤ ᠠᠬᠤᠶ᠎ᠳᠤ ᠬᠣᠯᠪᠣᠭᠳᠠᠬᠤ ᠪᠡᠯᠡ ᠮᠥᠩᠭᠥ ᠵᠢ ᠡᠮᠬᠢᠯᠡᠨ ᠨᠡᠶ᠋ᠢᠯᠡᠭᠦᠯᠬᠦ ᠡᠷᠴᠢᠮ ᠵᠶ᠋ᠠᠨ ᠴᠢᠩᠭ᠋ᠠᠷᠠᠭᠤᠯᠬᠤ ᠵᠢ ᠵᠣᠷᠢᠭᠵᠢᠭᠤᠯᠵᠤ᠂ ᠲᠥᠪᠬᠢᠨᠡᠭᠦᠯᠬᠦ ᠣᠷᠣᠨ᠎ᠤ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ᠎ᠳᠤ ᠨᠢᠭᠡᠳᠦᠯᠲᠡᠶ ᠲᠥᠯᠥᠪᠯᠡᠨ ᠬᠡᠷᠡᠭᠯᠡᠨ᠎ᠡ᠃ ᠬᠣᠰᠢᠭᠤ ᠰᠢᠶᠠᠨ᠎ᠤ ᠵᠠᠰᠠᠭ᠎ᠤᠨ ᠣᠷᠳᠣᠨ᠎ᠨᠢ ᠲᠤᠰ ᠱᠠᠲᠤᠨ᠎ᠤ ᠡᠳ᠋᠎ᠤᠨ ᠵᠠᠰᠠᠭ᠎ᠤᠨ ᠪᠡᠯᠡ ᠮᠥᠩᠭᠥ᠂ ᠤᠷᠲᠤ ᠬᠤᠭᠤᠴᠠᠭ᠋ᠠᠨ᠎ᠤ ᠢᠲᠡᠭᠡᠮᠵᠢᠲᠦ ᠵᠢᠭᠡᠯᠡᠯᠭᠡ ᠵᠡᠷᠭᠡ ᠵᠢ ᠤᠷᠢᠳᠴᠢᠯᠠᠨ ᠲᠣᠬᠢᠷᠠᠭᠤᠯᠵᠤ ᠪᠠᠢ᠌ᠭ᠋ᠠᠳ ᠲᠠᠨᠭ᠌ᠰᠠ ᠡᠪᠬᠡᠮᠡᠯ ᠪᠠᠢ᠌ᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠵᠢᠨ ᠭᠡᠷ ᠪᠠᠷᠢᠬᠤ᠎ᠳᠤ ᠳᠡᠮᠵᠢᠯᠭᠡ ᠦᠵᠡᠭᠦᠯᠬᠦ ᠵᠢ᠎ᠨᠢ ᠵᠣᠷᠢᠭᠵᠢᠭᠤᠯᠬᠤ ᠪᠦᠭᠡᠳ ᠲᠤᠰ ᠵᠢᠯ᠎ᠳᠤ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ᠎ᠤᠨ ᠲᠣᠬᠢᠷᠠᠭᠤᠯᠤᠭᠰᠠᠨ ᠲᠤᠰᠬᠠᠶ ᠪᠡᠯᠡ ᠮᠦᠩᠭᠦ᠎ᠪᠠᠷ ᠳᠡᠭᠡᠷ᠎ᠡ ᠵᠢᠯ᠎ᠤᠨ ᠣᠷᠣᠨ ᠰᠠᠭᠤᠴᠠ ᠵᠢᠨ ᠪᠦᠳᠦᠬᠡᠨ ᠪᠠᠶ᠋ᠢᠭᠤᠯᠤᠯᠲᠠ᠎ᠳᠤ ᠣᠷᠣᠯᠠᠨ ᠥᠭᠭᠦᠭᠰᠡᠨ ᠵᠣᠭᠤᠰ ᠵᠶ᠋ᠠᠨ ᠨᠦᠬᠦᠪᠦᠷᠢᠯᠡᠬᠦ ᠵᠢ᠎ᠨᠢ ᠵᠦᠪᠰᠢᠶᠡᠷᠡᠨ᠎ᠡ᠂ ᠭᠡᠬᠦ᠎ᠳᠡᠭᠡᠨ ᠬᠥᠮᠦᠨ ᠪᠦᠷᠢ ᠵᠢᠨ ᠭᠡᠷ ᠪᠠᠷᠢᠬᠤ ᠳᠤᠮᠳᠠᠴᠢ ᠲᠡᠳᠬᠦᠮᠵᠢ ᠵᠢᠨ ᠪᠡᠯᠡ ᠮᠥᠩᠭᠥ ᠵᠢᠨ ᠨᠥᠬᠥᠪᠥᠷᠢ ᠵᠢ ᠪᠣᠳᠠᠲᠠᠶ ᠬᠥᠮᠦᠨ᠎ᠳᠤ᠎ᠨᠢ ᠨᠠᠶ᠋ᠢᠳᠠᠪᠤᠷᠢᠵᠢᠭᠤᠯᠬᠤ ᠬᠡᠷᠡᠭᠲᠡᠶ᠃ ᠠᠵᠤ ᠦᠢ᠍ᠯᠡᠰ᠎ᠤᠨ ᠲᠠᠯ᠎ᠠ᠎ᠪᠠᠷ᠂ ᠡᠯ᠎ᠡ ᠱᠠᠲᠤᠨ᠎ᠤ ᠵᠠᠰᠠᠭ᠎ᠤᠨ ᠣᠷᠳᠣᠨ ᠡᠯ᠎ᠡ ᠲᠦᠷᠦᠯ᠎ᠤᠨ ᠲᠠᠷᠢᠶᠠᠯᠠᠩ ᠮᠠᠯ ᠠᠵᠤ ᠠᠬᠤᠶ᠎ᠳᠤ ᠬᠣᠯᠪᠣᠭᠳᠠᠬᠤ ᠪᠡᠯᠡ ᠮᠥᠩᠭᠥ ᠵᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠮᠦᠩᠭᠦᠨ ᠭᠦᠢ᠍ᠯᠡᠭᠡᠭᠡᠨ ᠵᠶ᠋ᠡᠷ ᠶᠠᠳᠠᠭᠤ ᠵᠢ ᠳᠡᠳᠬᠦᠬᠦ᠂ ᠬᠥᠳᠡᠭᠡ ᠲᠣᠰᠬᠣᠨ᠎ᠤ ᠵᠢᠭᠤᠯᠴᠢᠯᠠᠯ᠂ ᠪᠠᠭ᠎ᠠ ᠲᠣᠭ᠋ᠠᠨ᠎ᠤ ᠵᠢᠭᠡᠯᠡᠯᠭᠡ᠂ ᠰᠤᠷᠭ᠋ᠠᠨ ᠬᠥᠮᠦᠵᠢᠯ ᠵᠶ᠋ᠠᠷ ᠶᠠᠳᠠᠭᠤ ᠵᠢ ᠲᠡᠳᠬᠦᠬᠦ᠂ ᠬᠠᠷᠢᠯᠴᠠᠨ ᠬᠠᠪᠰᠤᠷᠤᠯᠴᠠᠬᠤ ᠪᠡᠯᠡ ᠮᠥᠩᠭᠥ ᠵᠡᠷᠭᠡ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠲᠥᠷᠥᠯ ᠵᠦᠢ᠍ᠯ᠎ᠢ ᠤᠷᠢᠳᠴᠢᠯᠠᠨ ᠲᠣᠬᠢᠷᠠᠭᠤᠯᠵᠤ ᠪᠠᠢ᠌ᠭ᠋ᠠᠳ ᠲᠠᠨᠭ᠌ᠰᠠ ᠡᠪᠬᠡᠮᠡᠯ ᠪᠠᠢ᠌ᠭᠤᠯᠤᠨ ᠺᠠᠷᠲ ᠠᠪᠤᠭᠰᠠᠨ ᠨᠡᠭᠦᠯᠭᠡᠬᠦ ᠡᠷᠦᠬᠡ ᠵᠢᠨ ᠲᠤᠬᠠᠶ ᠵᠢᠨ ᠭᠠᠵᠠᠷ᠎ᠲᠠᠭᠠᠨ ᠲᠣᠬᠢᠷᠠᠭᠤᠯᠤᠨ ᠦᠪᠡᠷᠮᠢᠴᠡ ᠤᠨᠴᠠᠯᠢᠭᠳᠤ ᠲᠠᠷᠢᠮᠠᠯ ᠲᠡᠵᠢᠭᠡᠪᠦᠷᠢ ᠵᠢᠨ ᠦᠢ᠍ᠯᠡᠰ᠂ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠡᠳ᠋ᠰᠢᠭᠦᠯᠬᠦ᠂ ᠮᠠᠯᠵᠢᠬᠤ ᠲᠠᠷᠢᠶᠠᠯᠠᠬᠤ ᠣᠷᠣᠨ᠎ᠤ ᠡᠯᠸᠺᠲᠷᠣᠨ ᠬᠤᠳᠠᠯᠳᠤᠭ᠋ᠠᠨ᠎ᠤ ᠶᠠᠪᠤᠳᠠᠯ᠂ ᠵᠠᠩ ᠦᠢ᠍ᠯᠡ ᠭᠠᠷ ᠤᠷᠠᠯᠠᠯ᠂ ᠬᠥᠳᠡᠭᠡ ᠲᠣᠰᠬᠣᠨ᠎ᠤ ᠵᠢᠭᠤᠯᠴᠢᠯᠠᠯ ᠵᠡᠷᠭᠡ ᠵᠢᠨ ᠦᠢ᠍ᠯᠡᠰ ᠬᠦᠭᠵᠢᠭᠦᠯᠬᠦ᠎ᠳᠤᠨᠢ ᠭᠣᠣᠯᠳᠠᠯᠭ᠎ᠠ᠎ᠲᠠᠢ ᠳᠡᠮᠵᠢᠯᠭᠡ ᠦᠵᠡᠭᠦᠯᠵᠦ ᠪᠣᠯᠤᠨ᠎ᠠ᠃
ᠬᠥᠲᠥᠯᠥᠭᠴᠢ᠄
ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠥ ᠵᠢᠨ ᠳᠠᠭ᠋ᠠᠭ᠋ᠠᠴᠢᠯᠠᠨ ᠵᠢᠭᠡᠯᠡᠬᠦ ᠭᠤᠤᠯ ᠴᠣᠭᠴᠠ᠎ᠨᠢ ᠬᠡᠨ ᠪᠤᠢ? ᠪᠡᠯᠡ ᠮᠥᠩᠭᠥ ᠵᠢ ᠶᠠᠭ᠋ᠠᠬᠢᠵᠤ ᠬᠡᠷᠡᠭᠯᠡᠬᠦ ᠪᠤᠢ?
ᠸᠸᠨ ᠮᠢᠨ᠄
ᠥᠪᠡᠷᠲᠡᠭᠡᠨ ᠵᠠᠰᠠᠬᠤ ᠣᠷᠣᠨ᠎ᠠᠴᠠ ᠵᠢᠭᠡᠯᠡᠯᠭᠡ ᠵᠢ ᠳᠠᠭ᠋ᠠᠭ᠋ᠠᠬᠤ ᠪᠤᠴᠠᠭ᠋ᠠᠬᠤ ᠭᠤᠤᠯ ᠴᠣᠭᠴᠠ᠎ᠨᠢ ᠪᠤᠯ ᠴᠥᠮ ᠥᠪᠡᠷᠲᠡᠭᠡᠨ ᠵᠠᠰᠠᠬᠤ ᠣᠷᠣᠨ᠎ᠤ ᠪᠡᠯᠡ ᠤᠷᠤᠭᠤᠯᠬᠤ ᠲᠣᠬᠢᠷᠠᠭᠤᠯᠬᠤ ᠭᠣᠣᠯ ᠴᠣᠭᠴᠠ ᠪᠤᠯᠬᠤ ᠪᠦᠭᠡᠳ ᠵᠢᠭᠡᠯᠡᠯᠭᠡ ᠪᠤᠴᠠᠭ᠋ᠠᠬᠤ ᠠᠷᠭ᠎ᠠ᠎ᠨᠢ ᠪᠤᠯ ᠥᠪᠡᠷᠲᠡᠭᠡᠨ ᠵᠠᠰᠠᠬᠤ ᠣᠷᠣᠨ᠎ᠤ ᠪᠡᠯᠡ ᠤᠷᠤᠭᠤᠯᠬᠤ ᠲᠣᠬᠢᠷᠠᠭᠤᠯᠬᠤ ᠭᠣᠣᠯ ᠴᠣᠭᠴᠠ᠎ᠠᠴᠠ ᠨᠢᠭᠡᠳᠦᠯᠲᠡᠢ ᠵᠢᠭᠡᠯᠡᠨ ᠨᠢᠭᠡᠳᠦᠯᠲᠡᠶ ᠪᠤᠴᠠᠭ᠋ᠠᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠦᠷᠢ ᠥᠭᠴᠡᠭᠡ᠎ᠳᠤ ᠤᠷᠤᠭᠤᠯᠬᠤ ᠭᠡᠵᠦ ᠲᠤᠭᠲᠠᠭ᠋ᠠᠪᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠬᠣᠯᠪᠣᠭᠳᠠᠯ ᠪᠦᠬᠦᠢ ᠲᠦᠷᠦ ᠵᠢᠨ ᠪᠤᠳᠤᠯᠭ᠎ᠠ ᠵᠢ ᠨᠡᠶ᠋ᠢᠲᠡᠯᠡᠨ ᠬᠡᠷᠡᠭᠵᠢᠭᠦᠯᠵᠦ᠂ ᠣᠷᠣᠨ ᠨᠤᠲᠤᠭ᠎ᠤᠨ ᠡᠵᠡᠮᠳᠡᠵᠦ ᠪᠣᠯᠬᠤ ᠡᠳ᠋᠎ᠤᠨ ᠬᠦᠴᠦᠨ᠎ᠢ ᠨᠢᠭᠡᠳᠦᠯᠲᠡᠢ ᠲᠦᠯᠦᠪᠯᠡᠨ ᠥᠪᠡᠷᠲᠡᠭᠡᠨ ᠵᠠᠰᠠᠬᠤ ᠣᠷᠣᠨ᠎ᠤ ᠪᠡᠯᠡ ᠤᠷᠤᠭᠤᠯᠬᠤ ᠲᠣᠬᠢᠷᠠᠭᠤᠯᠬᠤ ᠭᠣᠣᠯ ᠴᠣᠭᠴᠠ ᠵᠢᠨ ᠵᠢᠭᠡᠯᠡᠯᠭᠡ ᠪᠤᠴᠠᠭ᠋ᠠᠬᠤ᠎ᠳᠤᠨᠢ ᠳᠡᠮᠵᠢᠯᠭᠡ ᠦᠵᠡᠭᠦᠯᠦᠨ᠎ᠡ᠃ ᠵᠢᠭᠡᠯᠡᠯᠭᠡ ᠪᠤᠴᠠᠭ᠋ᠠᠬᠤ ᠲᠦᠷᠦ ᠵᠢᠨ ᠪᠤᠳᠤᠯᠭ᠎ᠠ ᠵᠢ ᠪᠣᠯ ᠥᠪᠡᠷᠲᠡᠭᠡᠨ ᠵᠠᠰᠠᠬᠤ ᠣᠷᠣᠨ᠎ᠤ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠠᠵᠢᠯ᠎ᠢ ᠵᠣᠬᠢᠴᠠᠭᠤᠯᠬᠤ ᠳᠤᠭᠤᠶ᠋ᠢᠯᠠᠩ᠎ᠤᠨ ᠬᠤᠷᠠᠯ ᠵᠶ᠋ᠡᠷ ᠲᠤᠭᠲᠠᠭ᠋ᠠᠭᠰᠠᠨ ᠶᠤᠮ᠂ ᠥᠪᠡᠷᠲᠡᠭᠡᠨ ᠵᠠᠰᠠᠬᠤ ᠣᠷᠣᠨ᠎ᠠᠴᠠ ᠳᠡᠮᠵᠢᠭᠰᠡᠨ ᠡᠷᠴᠢᠮ ᠪᠦᠬᠦ ᠤᠯᠤᠰ᠎ᠲᠤ ᠴᠤ᠌ ᠭᠡᠳ ᠴᠦᠭᠡᠨ᠂ ᠮᠠᠰᠢ ᠤᠯᠠᠨ ᠮᠤᠵᠢ ᠬᠣᠲᠠᠳ᠎ᠲᠤ ᠴᠥᠮ ᠰᠢᠶᠠᠨ᠎ᠤ ᠱᠠᠲᠤ᠎ᠨᠢ ᠪᠦᠬᠦ ᠲᠣᠭ᠎ᠠ᠎ᠪᠠᠷ ᠳᠠᠭ᠋ᠠᠭ᠋ᠠᠨ ᠵᠢᠭᠡᠯᠡᠭᠰᠡᠨ ᠪᠠᠢ᠌ᠳᠠᠭ᠃ ᠥᠪᠡᠷᠲᠡᠭᠡᠨ ᠵᠠᠰᠠᠬᠤ ᠣᠷᠣᠨ᠎ᠠᠴᠠ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ ᠵᠢ ᠨᠡᠶ᠋ᠢᠲᠡᠯᠡᠵᠦ᠂ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠥ ᠵᠢᠨ ᠬᠠᠮᠢᠶᠠᠷᠤᠯᠲᠠ ᠪᠠ ᠬᠡᠷᠡᠭᠯᠡᠯᠲᠡ ᠲᠤᠰ ᠠᠷᠭ᠎ᠠ ᠵᠢᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠪᠤᠯᠤᠨ᠎ᠠ᠃
ᠬᠦᠲᠦᠯᠦᠭᠴᠢ᠄
ᠸᠸᠨ ᠡᠷᠬᠢᠯᠡᠭᠴᠢ᠂ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠲᠥᠷᠥᠯ ᠵᠦᠢ᠍ᠯ᠎ᠳᠤ ᠬᠡᠷᠬᠢᠨ ᠳᠠᠭ᠋ᠠᠭ᠋ᠠᠴᠢᠯᠠᠯᠲᠠ ᠵᠠᠷᠯᠠᠬᠤ ᠪᠠ ᠳᠠᠭ᠋ᠠᠭ᠋ᠠᠴᠢᠯᠠᠯᠲᠠ᠎ᠳᠤ ᠣᠷᠣᠯᠴᠠᠬᠤ ᠪᠤᠢ?
ᠸᠸᠨ ᠮᠢᠨ᠄
ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠲᠦᠷᠦᠯ ᠵᠦᠢ᠍ᠯ (ᠣᠷᠣᠨ ᠰᠠᠭᠤᠴᠠ ᠵᠢᠨ ᠪᠦᠳᠦᠭᠡᠨ ᠪᠠᠶ᠋ᠢᠭᠤᠯᠤᠯᠲᠠ ᠵᠢᠨ ᠪᠠᠷᠢᠯᠭ᠎ᠠ ᠪᠠᠭᠲᠠᠨ᠎ᠠ)᠎ᠤᠨ ᠳᠠᠭ᠋ᠠᠭ᠋ᠠᠴᠢᠯᠠᠯᠲᠠ ᠵᠠᠷᠯᠠᠬᠤ ᠲᠥᠰᠦᠯ ᠵᠡᠷᠭᠡ ᠵᠢ ᠬᠢᠨᠠᠨ ᠵᠥᠪᠰᠢᠶᠡᠷᠡᠬᠦ ᠡᠷᠬᠡ ᠮᠡᠳᠡᠯ᠎ᠢ ᠬᠣᠰᠢᠭᠤ ᠰᠢᠶᠠᠨ᠎ᠤ ᠱᠠᠲᠤᠨ᠎ᠳᠤ ᠪᠠᠭᠤᠯᠭ᠋ᠠᠨ ᠭᠦᠢ᠍ᠴᠡᠳᠭᠡᠯᠭᠡᠬᠦ᠎ᠪᠠᠷ ᠪᠤᠯᠪᠠ᠂ ᠲᠦᠷᠦᠯ ᠵᠦᠢ᠍ᠯ᠎ᠤᠨ ᠨᠢᠭᠡᠴᠡ᠎ᠨᠢ ᠤᠢ᠌ᠷ᠎ᠠ ᠳᠦᠭᠦᠮᠬᠡᠨ ᠵᠶ᠋ᠡᠷ ᠬᠤᠰᠢᠭᠤ ᠰᠢᠶᠠᠨ᠎ᠳᠠᠭᠠᠨ ᠳᠠᠭ᠋ᠠᠭ᠋ᠠᠴᠢᠯᠠᠯᠲᠠ ᠵᠠᠷᠯᠠᠬᠤ ᠲᠥᠰᠦᠯ᠎ᠢ ᠬᠢᠨᠠᠨ ᠵᠥᠪᠰᠢᠶᠡᠷᠡᠭᠦᠯᠬᠦ ᠭᠠᠷ ᠭᠦᠢ᠍ᠴᠡᠳᠬᠡᠯ ᠬᠢᠵᠦ ᠪᠤᠯᠤᠨ᠎ᠠ᠃
ᠬᠥᠲᠥᠯᠥᠭᠴᠢ᠄
ᠠᠳᠠᠯᠢ ᠪᠤᠰᠤ ᠨᠡᠭᠦᠯᠭᠡᠬᠦ ᠠᠷᠭ᠎ᠠ ᠬᠡᠯᠪᠡᠷᠢ ᠵᠢ ᠦᠨᠳᠦᠰᠦᠯᠡᠨ᠂ ᠵᠥᠷᠢᠶᠡᠲᠦ ᠨᠥᠬᠥᠪᠥᠷᠢ ᠥᠭᠬᠦ ᠲᠦᠷᠦ ᠵᠢᠨ ᠪᠤᠳᠤᠯᠭ᠎ᠠ ᠵᠢ ᠠᠪᠴᠤ ᠪᠤᠯᠤᠨ᠎ᠠ ᠤᠤ?
ᠸᠸᠨ ᠮᠢᠨ᠄
ᠪᠣᠳᠠᠲᠠᠶ ᠠᠵᠢᠯᠯᠠᠭ᠋ᠠᠨ᠎ᠤ ᠳᠤᠮᠳᠠ᠂ ᠡᠯ᠎ᠡ ᠭᠠᠵᠠᠷ᠎ᠤᠳ ᠨᠡᠭᠦᠯᠭᠡᠬᠦ ᠠᠷᠭ᠎ᠠ ᠬᠡᠯᠪᠡᠷᠢ ᠵᠢᠨ ᠠᠳᠠᠯᠢ ᠪᠤᠰᠤ᠎ᠪᠠᠨ ᠦᠨᠳᠦᠰᠦᠯᠡᠨ ᠵᠥᠷᠢᠶᠡᠲᠦ ᠨᠥᠬᠥᠪᠥᠷᠢ ᠥᠭᠬᠦ ᠲᠦᠷᠦ ᠵᠢᠨ ᠪᠤᠳᠤᠯᠭ᠎ᠠ ᠠᠪᠬᠤ ᠵᠢ ᠵᠤᠷᠢᠭᠵᠢᠭᠤᠯᠵᠤ᠂ 《ᠲᠠᠪᠤ ᠵᠢ ᠤᠶᠠᠯᠳᠤᠭᠤᠯᠬᠤ》 ᠵᠢ ᠪᠡᠶᠡᠯᠡᠭᠦᠯᠦᠨ᠎ᠡ᠃ 《ᠠᠷᠪᠠ ᠵᠢ ᠪᠦᠷᠢᠨ ᠪᠦᠷᠬᠦᠭᠦᠯᠬᠦ》 ᠢᠨᠵᠧᠨᠧᠷᠢᠩ᠎ᠲᠠᠢ ᠤᠶᠠᠯᠳᠤᠭᠤᠯᠬᠤ ᠬᠡᠷᠡᠭᠲᠡᠶ; ᠬᠣᠲᠠ ᠪᠠᠯᠭ᠋ᠠᠰᠤᠨ᠎ᠤ 《ᠬᠠᠳᠠᠭ᠋ᠠᠯᠠᠯᠲᠠ ᠵᠢ ᠦᠭᠡᠢ᠌ᠰᠭᠡᠬᠦ》᠎ᠲᠠᠢ ᠤᠶᠠᠯᠳᠤᠭᠤᠯᠬᠤ ᠬᠡᠷᠡᠭᠲᠡᠶ; ᠬᠣᠲᠠ ᠪᠠᠯᠭ᠋ᠠᠰᠤᠨ᠎ᠤ ᠲᠠᠸᠠᠷ᠎ᠤᠨ ᠭᠡᠷ ᠪᠠᠶ᠋ᠢᠰᠢᠩ᠎ᠤᠨ ᠨᠡᠭᠡᠭᠡᠯᠲᠡ 《 ᠲᠤᠬᠢᠷᠠᠭᠤᠯᠤᠨ ᠪᠠᠢ᠌ᠭᠤᠯᠬᠤ ᠳᠦᠷᠢᠮ》᠎ᠲᠠᠢ ᠤᠶᠠᠯᠳᠤᠭᠤᠯᠵᠤ᠂ ᠨᠥᠬᠥᠵᠦ 《ᠬᠥᠮᠦᠨ᠎ᠤ ᠲᠤᠭ᠎ᠠ》᠎ᠪᠠᠷ ᠨᠦᠬᠦᠬᠦ᠎ᠠᠴᠠ ᠪᠢᠰᠢ᠂ 《ᠲᠣᠭᠣᠰᠬ᠎ᠠ ᠵᠢᠨ ᠲᠤᠭ᠎ᠠ》 ᠨᠦᠬᠦᠬᠦ ᠦᠭᠡᠢ ᠪᠠᠢ᠌ᠬᠤ ᠬᠡᠷᠡᠭᠲᠡᠢ; ᠲᠦᠪ ᠲᠣᠰᠬᠣᠨ᠎ᠤ 《ᠰᠤᠯᠠ ᠭᠡᠷ᠎ᠢ ᠦᠭᠡᠢ᠌ᠰᠬᠡᠬᠦ》᠎ᠲᠠᠢ ᠤᠶᠠᠯᠳᠤᠭᠤᠯᠵᠤ᠂ ᠠᠷᠠᠳ᠎ᠢ ᠨᠡᠭᠦᠯᠭᠡᠬᠦ᠎ᠳᠤ ᠳᠦᠭᠦᠮ ᠦᠵᠡᠭᠦᠯᠵᠦ᠂ ᠥᠪᠡᠷ᠎ᠤᠨ ᠦᠷᠲᠡᠭ᠎ᠢ ᠠᠷᠪᠢᠯᠠᠬᠤ ᠬᠡᠷᠡᠭᠲᠡᠶ᠃ ᠶᠠᠮᠠᠷᠪᠠ ᠨᠡᠭᠦᠯᠭᠡᠬᠦ ᠠᠷᠭ᠎ᠠ ᠬᠡᠯᠪᠡᠷᠢ ᠵᠢ ᠬᠡᠷᠡᠭᠯᠡᠭᠰᠡᠨ ᠴᠦ᠍ ᠲᠡᠷᠡ᠂ ᠶᠠᠳᠠᠭᠤ ᠬᠦᠴᠢᠷᠳᠡᠯᠲᠡᠶ ᠡᠷᠤᠭᠡ ᠵᠢ ᠨᠡᠭᠦᠯᠭᠡᠬᠦ᠎ᠠᠴᠠ ᠪᠤᠯᠵᠤ ᠰᠢᠨ᠎ᠡ ᠦᠷᠢ ᠦᠭᠴᠡᠭᠡ᠎ᠳᠤ ᠤᠨᠠᠭᠤᠯᠬᠤ ᠦᠭᠡᠢ᠂ ᠨᠡᠭᠦᠯᠭᠡᠬᠦ᠎ᠠᠴᠠ ᠪᠤᠯᠵᠤ ᠨᠡᠢ᠌ᠭᠡᠮ᠎ᠤᠨ ᠰᠢᠨ᠎ᠡ ᠵᠦᠷᠢᠴᠡᠯ᠎ᠢ ᠡᠭᠦᠰᠭᠡᠬᠦ ᠦᠭᠡᠢ ᠪᠠᠢ᠌ᠬᠤ ᠪᠤᠯ ᠬᠤᠷᠢᠭ᠎ᠠ ᠱᠤᠭᠤᠮ ᠪᠤᠯᠤᠨ᠎ᠠ᠃
ᠬᠥᠲᠥᠯᠥᠭᠴᠢ᠄
ᠸᠸᠨ ᠡᠷᠬᠢᠯᠡᠭᠴᠢ ᠡ᠂ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠠᠵᠢᠯ᠎ᠤᠨ ᠵᠠᠷᠤᠳᠠᠯ᠎ᠢ ᠶᠠᠭ᠋ᠠᠬᠢᠵᠤ ᠥᠭᠬᠦ ᠪᠤᠢ?
ᠸᠸᠨ ᠮᠢᠨ᠄
ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠲᠤᠰᠬᠠᠶ ᠪᠡᠯᠡ ᠮᠥᠩᠭᠥ ᠳᠤᠲᠤᠷ᠎ᠠ ᠠᠵᠢᠯ᠎ᠤᠨ ᠵᠠᠷᠤᠳᠠᠯ ᠲᠤᠬᠢᠷᠠᠭᠤᠯᠤᠭᠰᠠᠨ ᠦᠭᠡᠢ᠂ ᠡᠨᠡ ᠡᠭᠡᠯᠵᠢ ᠵᠢᠨ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ᠎ᠳᠤ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠠᠷᠭ᠎ᠠ ᠵᠢ ᠬᠡᠷᠡᠭᠯᠡᠵᠦ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠠᠷᠭ᠎ᠠ ᠬᠡᠯᠪᠡᠷᠢ᠎ᠪᠠᠷ ᠳᠠᠮᠵᠢᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤ᠎ᠨᠢ ᠵᠢᠯ ᠪᠦᠷᠢ ᠵᠠᠰᠠᠭ᠎ᠤᠨ ᠤᠷᠳᠤᠨ ᠦᠢ᠍ᠯᠡᠴᠢᠯᠡᠭᠡ ᠬᠤᠳᠠᠯᠳᠤᠨ ᠠᠪᠬᠤ ᠵᠤᠬᠢᠬᠤ ᠲᠤᠭ᠋ᠠᠨ᠎ᠤ ᠵᠠᠷᠤᠳᠠᠯ ᠲᠤᠬᠢᠷᠠᠭᠤᠯᠬᠤ ᠵᠢᠨ ᠬᠠᠮᠲᠤ ᠡᠳ᠋᠎ᠤᠨ ᠵᠠᠰᠠᠭ᠎ᠤᠨ ᠲᠦᠰᠦᠪ᠎ᠲᠤ ᠤᠷᠤᠭᠤᠯᠵᠤ᠂ ᠡᠯ᠎ᠡ ᠲᠥᠷᠥᠯ ᠵᠦᠢ᠍ᠯ᠎ᠤᠨ ᠬᠣᠰᠢᠭᠤ ᠰᠢᠶᠠᠨ᠎ᠤ ᠡᠳ᠋᠎ᠤᠨ ᠵᠠᠰᠠᠭ ᠴᠦ᠍ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠵᠤᠬᠢᠬᠤ ᠲᠤᠭ᠋ᠠᠨ᠎ᠤ ᠵᠠᠷᠤᠳᠠᠯ ᠲᠤᠬᠢᠷᠠᠭᠤᠯᠵᠤ᠂ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠠᠵᠢᠯ᠎ᠤᠨ ᠵᠠᠷᠤᠳᠠᠯ ᠪᠠ ᠠᠵᠢᠯᠲᠠᠨ᠎ᠤ ᠵᠠᠷᠤᠯᠭ᠎ᠠ᠎ᠳᠤ ᠬᠡᠷᠡᠭᠯᠡᠨ᠎ᠡ᠃
ᠬᠥᠲᠥᠯᠥᠭᠴᠢ᠄
ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠢᠨᠵᠧᠨᠧᠷᠢᠩ᠎ᠤᠨ ᠠᠬᠢᠴᠠ ᠵᠢ ᠬᠡᠷᠬᠢᠨ ᠱᠠᠭ᠋ᠠᠷᠳᠠᠭᠰᠠᠨ ᠪᠤᠢ?
ᠸᠸᠨ ᠮᠢᠨ᠄
ᠳᠥᠷᠪᠡᠨ ᠤᠯᠠᠷᠢᠯ᠎ᠳᠤ ᠳᠦᠷᠪᠡ ᠵᠢ ᠦᠨᠡᠨ ᠬᠦ᠌ ᠪᠠᠲᠤᠯᠠᠬᠤ ᠬᠡᠷᠡᠭᠲᠡᠶ᠃ ᠨᠢᠭᠡᠳᠦᠭᠡᠷ ᠤᠯᠠᠷᠢᠯ᠎ᠳᠤ ᠲᠥᠯᠥᠪᠵᠢᠭᠦᠯᠭᠡ᠂ ᠲᠥᠰᠦᠯ᠂ ᠵᠢᠯ᠎ᠤᠨ ᠬᠡᠷᠡᠭᠵᠢᠭᠦᠯᠬᠦ ᠲᠥᠯᠥᠪᠯᠡᠭᠡ ᠵᠢ ᠨᠠᠶ᠋ᠢᠷᠠᠭᠤᠯᠤᠨ ᠵᠤᠬᠢᠶᠠᠵᠤ ᠳᠠᠭᠤᠰᠬᠠᠬᠤ ᠵᠢ ᠦᠨᠡᠨ ᠬᠦ᠌ ᠪᠠᠲᠤᠯᠠᠨ᠎ᠠ᠃ ᠡᠭᠦᠨ᠎ᠤ ᠬᠠᠮᠲᠤ᠂ ᠭᠠᠵᠠᠷ ᠲᠠᠲᠠᠪᠤᠷᠢᠯᠠᠬᠤ᠂ ᠣᠷᠣᠨ ᠰᠠᠭᠤᠴᠠ ᠵᠢᠨ ᠬᠡᠯᠪᠡᠷᠢ ᠶᠠᠩᠵᠤ ᠵᠢᠨ ᠵᠢᠷᠤᠭ ᠲᠥᠯᠥᠪᠯᠡᠭᠡ ᠵᠡᠷᠭᠡ ᠡᠮᠦᠨᠡᠬᠢ ᠬᠤᠭᠤᠴᠠᠭ᠋ᠠᠨ᠎ᠤ ᠠᠵᠢᠯ᠎ᠢ ᠪᠡᠶᠡᠯᠡᠭᠦᠯᠬᠦ ᠬᠡᠷᠡᠭᠲᠡᠢ᠃ ᠬᠣᠶᠠᠳᠤᠭ᠋ᠠᠷ ᠤᠯᠠᠷᠢᠯ᠎ᠳᠤ 《ᠭᠤᠷᠪᠠ ᠵᠢ ᠨᠡᠪᠲᠡᠷᠡᠭᠦᠯᠵᠦ ᠨᠢᠭᠡ ᠵᠢ ᠲᠡᠭᠰᠢᠯᠡᠬᠦ》 ᠵᠢ ᠪᠡᠶᠡᠯᠡᠭᠦᠯᠵᠦ᠂ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠣᠷᠣᠨ ᠰᠠᠭᠤᠴᠠ ᠵᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠤᠯᠲᠠ ᠵᠢᠨ ᠠᠵᠢᠯ ᠡᠬᠢᠯᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠭᠤᠷᠪᠠᠳᠤᠭ᠋ᠠᠷ ᠤᠯᠠᠷᠢᠯ᠎ᠳᠤ ᠭᠡᠷ ᠪᠠᠶ᠋ᠢᠰᠢᠩ᠎ᠤᠨ ᠭᠣᠣᠯ ᠴᠤᠭᠴᠠ ᠵᠢ ᠪᠠᠢ᠌ᠭᠤᠯᠤᠨ ᠳᠠᠭᠤᠰᠬᠠᠵᠤ᠂ ᠰᠠᠭᠤᠷᠢ ᠪᠡᠯᠡᠳᠬᠡᠮᠵᠢ ᠪᠤᠯᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠬᠥᠭᠡᠷᠦᠮᠵᠢ ᠵᠢ ᠪᠦᠬᠦ ᠲᠠᠯ᠎ᠠ᠎ᠪᠠᠷ ᠢᠵᠢ ᠪᠦᠷᠢᠳᠦᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠳᠥᠷᠪᠡᠳᠦᠭᠡᠷ ᠤᠯᠠᠷᠢᠯ᠎ᠳᠤ ᠨᠡᠭᠦᠯᠭᠡᠬᠦ ᠡᠷᠦᠬᠡ ᠵᠢᠨ ᠰᠢᠨ᠎ᠡ ᠭᠡᠷ ᠨᠡᠭᠦᠬᠦ᠎ᠲᠤ ᠨᠡᠭᠦᠨ ᠤᠷᠤᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠡᠭᠦᠨ᠎ᠤ ᠬᠠᠮᠲᠤ᠂ ᠬᠠᠭᠤᠴᠢᠨ ᠭᠡᠷ ᠪᠠᠢ᠌ᠰᠢᠩ᠎ᠢ ᠨᠤᠷᠠᠭ᠋ᠠᠬᠤ ᠪᠠ ᠣᠷᠣᠨ ᠰᠠᠭᠤᠴᠠ ᠵᠢᠨ ᠭᠠᠵᠠᠷ᠎ᠢ ᠳᠠᠬᠢᠨ ᠬᠠᠭ᠋ᠠᠯᠪᠤᠷᠢᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠂ ᠡᠨᠡ᠎ᠨᠢ ᠮᠥᠨ ᠴᠦ᠍ ᠠᠶ᠋ᠢᠮᠠᠭ ᠬᠤᠳᠠ᠂ ᠬᠣᠰᠢᠭᠤ ᠰᠢᠶᠠᠨ ᠡᠭᠦᠷᠭᠡ᠎ᠪᠠᠨ ᠪᠡᠶᠡᠯᠡᠭᠦᠯᠦᠭᠰᠰᠡᠨᠢ ᠵᠢ ᠬᠢᠨᠠᠨ ᠰᠢᠯᠭ᠋ᠠᠬᠤ ᠦᠨᠳᠦᠰᠦᠯᠡᠯ ᠪᠤᠯᠤᠨ᠎ᠠ᠃
ᠬᠥᠲᠥᠯᠥᠭᠴᠢ᠄
ᠮᠠᠨ᠎ᠤ ᠣᠷᠣᠨ᠎ᠤ ᠳᠠᠷᠠᠭ᠎ᠠ ᠠᠯᠬᠤᠮ᠎ᠤᠨ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠠᠵᠢᠯ᠎ᠳᠤ ᠴᠢᠭᠯᠡᠭᠦᠯᠦᠨ ᠶᠠᠮᠠᠷ ᠶᠠᠮᠠᠷ ᠠᠵᠢᠯ᠎ᠢ ᠦᠷᠨᠢᠬᠦᠯᠬᠦ ᠪᠤᠢ?
ᠸᠸᠨ ᠮᠢᠨ᠄
ᠪᠣᠳᠠᠲᠠᠶ ᠠᠵᠢᠯ᠎ᠤᠨ ᠳᠤᠮᠳᠠ᠂ ᠳᠣᠣᠷᠠᠬᠢ ᠬᠡᠳᠦᠨ ᠠᠰᠠᠭᠤᠳᠠᠯ᠎ᠢ ᠭᠣᠣᠯᠳᠠᠯᠭ᠎ᠠ᠎ᠲᠠᠢ ᠠᠳᠬᠤᠨ ᠰᠠᠶ᠋ᠢᠲᠤᠷ ᠰᠢᠢ᠍ᠳᠪᠦᠷᠢᠯᠡᠬᠦ ᠬᠡᠷᠡᠭᠲᠠᠢ᠃
(ᠨᠢᠭᠡ) ᠴᠠᠭ ᠬᠢᠭᠡᠳ ᠴᠢᠨᠠᠷ ᠴᠢᠨᠰᠠᠭ᠎ᠠ ᠵᠢᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠬᠦ ᠬᠡᠷᠡᠭᠲᠠᠢ᠃ ᠨᠢᠭᠡ᠎ᠳᠤ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ᠂ ᠰᠢᠰᠲ᠋ᠧᠮ᠎ᠲᠠᠢ᠂ ᠵᠥᠪ ᠣᠨᠣᠪᠴᠢᠲᠠᠶ ᠤᠢ᠌ᠯᠠᠭ᠋ᠠᠵᠤ᠂ ᠲᠦᠷᠦ ᠵᠢᠨ ᠪᠤᠳᠤᠯᠭ᠎ᠠ ᠵᠢᠨ ᠵᠣᠷᠢᠭ ᠰᠠᠨᠠᠭ᠋ᠠᠨ᠎ᠤ ᠮᠥᠨ ᠴᠢᠨᠠᠷ᠎ᠢ ᠡᠵᠡᠮᠰᠢᠵᠤ᠂ ᠡᠬᠢᠯᠡᠯᠲᠡ ᠵᠢᠨ ᠱᠠᠳᠦ᠎ᠳᠤ ᠴᠢᠭᠯᠡᠯ ᠵᠶ᠋ᠠᠨ ᠣᠨᠣᠪᠴᠢᠲᠠᠶ ᠣᠯᠵᠤ᠂ ᠵᠠᠮ ᠵᠶ᠋ᠠᠨ ᠵᠦᠪ ᠰᠤᠨᠭ᠌ᠭᠤᠵᠤ᠂ ᠠᠩᠬᠠᠳᠠᠭᠴᠢ ᠲᠣᠪᠴᠢ᠎ᠪᠠᠨ ᠰᠠᠢ᠌ᠲᠤᠷ ᠲᠤᠪᠴᠢᠯᠠᠬᠤ ᠬᠡᠷᠡᠭᠲᠠᠢ᠃ ᠠᠵᠢᠯ᠎ᠤᠨ ᠳᠤᠮᠳᠠ ᠨᠢᠭᠡᠨᠲᠡ ᠭᠠᠷᠤᠭᠰᠠᠨ ᠬᠡᠯᠲᠡᠭᠡᠢ᠌ᠳᠡᠭᠰᠡᠨ ᠠᠰᠠᠭᠤᠳᠠᠯ᠎ᠢ ᠴᠠᠭ ᠲᠤᠬᠠᠶ᠎ᠳᠤᠨᠢ ᠴᠡᠭᠴᠡᠯᠡᠨ ᠦᠭᠡᠷᠡᠴᠢᠯᠡᠬᠦ ᠪᠠ ᠵᠠᠯᠠᠷᠠᠭᠤᠯᠵᠤ᠂ ᠲᠦᠷᠦ ᠵᠢᠨ ᠪᠤᠳᠤᠯᠭ᠎ᠠ ᠵᠢ ᠲᠡᠷᠡ ᠶᠤᠰᠤᠭ᠋ᠠᠷ᠎ᠨᠢ ᠬᠡᠷᠡᠭᠵᠢᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠠᠢ᠃ ᠬᠣᠶᠠᠷ᠎ᠲᠤ ᠬᠣᠰᠢᠭᠤ ᠰᠢᠶᠠᠨ᠎ᠤ ᠱᠠᠲᠤᠨ᠎ᠤ ᠤᠨᠳᠤᠤ ᠭᠠᠵᠠᠷ ᠨᠡᠭᠦᠯᠭᠡᠵᠤ ᠶᠠᠳᠠᠭᠤ ᠵᠢ ᠲᠡᠳᠬᠦᠬᠦ 《13 · 5》 ᠵᠢᠨ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠷᠠᠭᠤᠯᠤᠨ ᠵᠣᠬᠢᠶᠠᠵᠤ᠂ ᠪᠠᠢ᠌ᠷᠢᠰᠢᠭᠤᠯᠤᠯ᠎ᠤᠨ ᠲᠥᠰᠦᠯ᠂ ᠪᠡᠯᠡ ᠮᠥᠩᠭᠥ ᠵᠢᠨ ᠲᠤᠬᠢᠷᠠᠭᠤᠯᠭ᠎ᠠ ᠪᠤᠯᠤᠨ ᠳᠦᠷᠦ ᠵᠢᠨ ᠪᠤᠳᠤᠯᠭ᠎ᠠ ᠵᠢᠨ ᠰᠢᠰᠲᠸᠮᠵᠢ ᠵᠡᠷᠭᠡ ᠵᠢ ᠨᠢᠭᠡᠳᠦᠯᠲᠡᠶ ᠲᠥᠯᠥᠪᠯᠡᠨ ᠰᠦᠪᠡᠭᠴᠢᠯᠡᠵᠦ᠂ ᠤᠯᠤᠰ ᠪᠤᠯᠤᠨ ᠥᠪᠡᠷᠲᠡᠭᠡᠨ ᠵᠠᠰᠠᠬᠤ ᠣᠷᠣᠨ᠎ᠤ 《13·5》 ᠵᠢᠨ ᠲᠥᠯᠥᠪᠵᠢᠭᠦᠯᠭᠡ᠎ᠯᠦᠭᠡ ᠵᠣᠯᠭ᠋ᠠᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠤᠯᠤᠰ ᠪᠤᠯᠤᠨ ᠥᠪᠡᠷᠲᠡᠭᠡᠨ ᠵᠠᠰᠠᠬᠤ ᠣᠷᠣᠨ᠎ᠤ 《13 · 5》 ᠵᠢᠨ ᠲᠥᠯᠥᠪᠵᠢᠭᠦᠯᠭᠡ ᠵᠢ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠦᠭᠰᠡᠨ᠎ᠤ ᠳᠠᠷᠠᠭ᠎ᠠ ᠠᠶ᠋ᠢᠮᠠᠭ ᠬᠤᠳᠠ᠂ ᠬᠣᠰᠢᠭᠤ ᠰᠢᠶᠠᠨ᠎ᠤ ᠱᠠᠲᠤᠨ᠎ᠤ 《13 · 5》 ᠵᠢᠨ ᠲᠥᠯᠥᠪᠵᠢᠭᠦᠯᠭᠡ ᠵᠢ ᠳᠠᠷᠤᠮᠠᠯᠯᠠᠨ ᠲᠠᠷᠬᠠᠭ᠋ᠠᠬᠤ ᠬᠡᠷᠡᠭᠲᠠᠢ᠃ ᠭᠤᠷᠪᠠ᠎ᠳᠤ ᠴᠠᠭ ᠬᠤᠭᠤᠴᠠᠭ᠎ᠠ᠎ᠨᠢ ᠴᠢᠨᠠᠷ ᠴᠢᠨᠰᠠᠭ᠎ᠠ ᠵᠢ ᠳᠠᠭ᠋ᠠᠬᠤ ᠵᠠᠷᠴᠢᠮ ᠶᠣᠰᠣᠭ᠋ᠠᠷ᠂ ᠨᠡᠭᠦᠯᠭᠡᠬᠦ ᠴᠢᠳᠠᠪᠤᠷᠢ ᠪᠤᠯᠤᠨ ᠡᠮᠦᠨᠡᠬᠢ ᠬᠤᠭᠤᠴᠠᠭ᠋ᠠᠨ᠎ᠤ ᠪᠡᠯᠡᠳᠬᠡᠯ ᠠᠵᠢᠯ᠎ᠤᠨ ᠪᠠᠶ᠋ᠢᠳᠠᠯ᠎ᠲᠠᠢ ᠤᠶᠠᠯᠳᠤᠭᠤᠯᠤᠨ᠂ ᠨᠡᠭᠦᠯᠭᠡᠬᠦ ᠠᠬᠢᠴᠠ ᠪᠤᠯᠤᠨ ᠣᠨ᠎ᠤ ᠨᠡᠭᠦᠯᠭᠡᠬᠦ ᠬᠡᠪᠴᠢᠶ᠎ᠡ ᠵᠢ ᠬᠢᠨᠠᠮᠠᠭ᠋ᠠᠢ ᠮᠦᠷᠲᠡᠭᠡᠨ ᠪᠣᠯᠭᠣᠮᠵᠢᠲᠠᠶ ᠲᠤᠭᠲᠠᠭ᠋ᠠᠵᠤ᠂ ᠴᠠᠭ ᠬᠤᠭᠤᠴᠠᠭ᠎ᠠ ᠵᠢᠨ ᠠᠬᠢᠴᠠ ᠵᠢ ᠬᠦᠭᠡᠭᠡᠴᠡᠯᠳᠦᠬᠦ᠎ᠠᠴᠠ ᠪᠣᠯᠵᠤ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠶᠠᠰᠤ ᠴᠢᠨᠠᠷ᠎ᠢ ᠨᠦᠯᠦᠭᠡᠯᠡᠬᠦ᠎ᠠᠴᠠ ᠪᠤᠯᠭᠤᠮᠵᠢᠯᠠᠬᠤ ᠬᠡᠷᠡᠭᠲᠠᠢ᠃
(ᠬᠣᠶᠠᠷ) ᠣᠯᠠᠨ ᠠᠷᠭ᠎ᠠ ᠵᠠᠮ ᠵᠶ᠋ᠠᠷ ᠪᠡᠯᠡ ᠮᠥᠩᠭᠥ ᠵᠢ ᠪᠦᠲᠦᠮᠵᠢᠲᠡᠶ ᠵᠣᠯᠭ᠋ᠠᠭᠤᠯᠬᠤ ᠵᠢ ᠠᠬᠢᠭᠤᠯᠬᠤ ᠬᠡᠷᠡᠭᠲᠠᠢ᠃ ᠣᠳᠣᠬᠠᠨ᠎ᠤ ᠤᠢ᠍ᠢ᠍ᠯᠠᠭ᠋ᠠᠭᠰᠠᠨ ᠪᠠᠶ᠋ᠢᠳᠠᠯ᠎ᠠᠴᠠ ᠦᠵᠡᠪᠡᠯ᠂ ᠡᠯ᠎ᠡ ᠭᠠᠵᠠᠷ ᠡᠯ᠎ᠡ ᠲᠥᠷᠥᠯ᠎ᠤᠨ ᠪᠡᠯᠡ ᠮᠥᠩᠭᠥ ᠵᠢᠨ ᠰᠢᠨᠵᠢ ᠴᠢᠨᠠᠷ᠎ᠢ ᠣᠶ᠋ᠢᠯᠠᠭ᠋ᠠᠬᠤ ᠪᠠ ᠳᠠᠭ᠋ᠠᠭ᠋ᠠᠨ ᠠᠪᠴᠤ ᠬᠡᠷᠡᠭᠯᠡᠬᠦ ᠵᠡᠷᠭᠡ ᠲᠠᠯ᠎ᠠ᠎ᠪᠠᠷ ᠪᠠᠰᠠ ᠴᠥᠭᠡᠨ ᠪᠤᠰᠤ ᠰᠡᠵᠢᠭᠯᠡᠯ ᠪᠤᠯᠤᠨ ᠠᠰᠠᠭᠤᠳᠠᠯ ᠤᠷᠤᠰᠢᠵᠤ ᠪᠠᠶ᠋ᠢᠨ᠎ᠠ᠃ ᠳᠠᠷᠠᠭ᠋ᠠᠴᠢ ᠵᠢᠨ ᠠᠯᠬᠤᠮ᠎ᠳᠤ᠂ ᠡᠯ᠎ᠡ ᠬᠣᠰᠢᠭᠤ ᠰᠢᠶᠠᠨ ᠵᠠᠪᠠᠯ ᠥᠪᠡᠷᠲᠡᠭᠡᠨ ᠵᠠᠰᠠᠬᠤ ᠣᠷᠣᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠯᠤᠨ ᠪᠡᠯᠡ ᠤᠷᠤᠭᠤᠯᠬᠤ ᠪᠡᠯᠡ ᠲᠣᠬᠢᠷᠠᠭᠤᠯᠬᠤ ᠭᠣᠣᠯ ᠴᠣᠭᠴᠠ᠎ᠯᠤᠭ᠎ᠠ ᠵᠢᠨ ᠨᠠᠪᠲᠡᠷᠡᠯᠴᠡᠭᠡ᠎ᠪᠠᠨ ᠴᠢᠩᠭ᠋ᠠᠳᠬᠠᠵᠤ᠂ ᠣᠯᠠᠨ ᠠᠷᠭ᠎ᠠ ᠵᠠᠮ᠎ᠤᠨ ᠪᠡᠯᠡ ᠮᠥᠩᠭᠥ ᠵᠢᠨ ᠰᠢᠨᠵᠢ ᠴᠢᠨᠠᠷ᠎ᠢ ᠭᠦᠨᠵᠡᠭᠡᠶ ᠣᠶ᠋ᠢᠯᠠᠭ᠋ᠠᠵᠤ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠪᠡᠯᠡ ᠮᠥᠩᠭᠥ ᠵᠢ ᠵᠣᠬᠢᠴᠠᠭᠤᠯᠬᠤ ᠪᠠ ᠵᠠᠯᠭ᠋ᠠᠭᠤᠯᠬᠤ ᠵᠢ ᠰᠠᠶ᠋ᠢᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠪᠡᠯᠡ ᠣᠷᠣᠭᠤᠯᠵᠤ ᠪᠡᠯᠡ ᠲᠣᠬᠢᠷᠠᠭᠤᠯᠬᠤ ᠭᠣᠣᠯ ᠴᠣᠭᠴᠠ ᠪᠣᠯᠤᠨ ᠬᠣᠲᠠ ᠰᠢᠶᠠᠨ᠎ᠤ ᠲᠥᠷᠥᠯ ᠵᠦᠢ᠍ᠯ᠎ᠢ ᠬᠡᠷᠡᠭᠵᠢᠭᠦᠯᠬᠦ ᠭᠤᠤᠯ ᠴᠣᠭᠴᠠ ᠵᠢᠨ ᠬᠠᠷᠢᠴᠠᠭ᠎ᠠ ᠵᠢ ᠰᠢᠯᠤᠭᠤᠳᠬᠠᠵᠤ᠂ ᠪᠡᠯᠡ ᠮᠥᠩᠭᠥ ᠪᠤᠯᠤᠨ ᠠᠵᠢᠯᠯᠠᠭ᠋ᠠᠨ᠎ᠤ ᠰᠢᠭᠤᠳ ᠰᠢᠯᠤᠭᠤᠨ ᠴᠤᠪᠤᠷᠠᠯ᠎ᠢ ᠪᠠᠢ᠌ᠭᠤᠯᠵᠤ᠂ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠵᠢ ᠲᠤᠰᠬᠠᠶ ᠪᠥᠳᠥᠭᠡᠨ ᠪᠠᠶ᠋ᠢᠭᠤᠯᠤᠯᠲᠠ ᠵᠢᠨ ᠰᠠᠭᠤᠷᠢ ᠮᠥᠩᠭᠥ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠵᠢᠭᠡᠯᠡᠯᠭᠡ ᠵᠢᠨ ᠲᠡᠮᠳᠡᠭᠲᠦ ᠪᠤᠯᠤᠨ ᠳᠠᠮ ᠬᠦᠦ᠎ᠲᠠᠢ ᠵᠢᠭᠡᠯᠡᠯᠭᠡ ᠵᠡᠷᠭᠡ᠎ᠯᠦᠭᠡ ᠠᠮᠠ ᠰᠡᠭᠡᠷ ᠵᠤᠯᠭ᠋ᠠᠭᠤᠯᠵᠤ᠂ ᠥᠨᠳᠥᠷ ᠦᠷ᠎ᠡ ᠠᠰᠢᠭᠲᠠᠢ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠠᠢ᠃
(ᠭᠤᠷᠪᠠ) ᠨᠡᠭᠦᠯᠭᠡᠭᠳᠡᠭᠰᠡᠳᠢ ᠶᠠᠳᠠᠭᠤ᠎ᠠᠴᠠ ᠠᠨᠭ᠌ᠬᠢᠵᠢᠷᠠᠭᠤᠯᠤᠨ ᠬᠦᠭᠵᠢᠬᠦᠯᠬᠦ ᠵᠢ ᠳᠡᠭᠡᠳᠦ ᠬᠡᠮᠵᠢᠶ᠎ᠡ᠎ᠪᠠᠷ ᠬᠦᠨᠳᠦᠳᠬᠡᠨ ᠦᠵᠡᠬᠦ ᠬᠡᠷᠡᠭᠲᠠᠢ᠃ ᠡᠯ᠎ᠡ ᠭᠠᠵᠠᠷ᠎ᠤᠳ 《13 · 5》 ᠵᠢᠨ ᠬᠤᠭᠤᠴᠠᠭ᠋ᠠᠨ᠎ᠤ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠳᠠᠭᠠᠨ᠂ ᠨᠡᠭᠦᠯᠭᠡᠵᠦ ᠲᠥᠪᠬᠢᠨᠡᠭᠦᠯᠬᠦ᠂ ᠵᠠᠯᠭ᠋ᠠᠮᠵᠢ ᠠᠵᠤ ᠦᠢ᠍ᠯᠡᠰ᠎ᠢ ᠬᠥᠭᠵᠢᠭᠦᠯᠬᠦ᠂ ᠠᠵᠢᠯ ᠣᠯᠭᠣᠬᠤ ᠪᠤᠯᠪᠠᠰᠤᠷᠠᠭᠤᠯᠤᠯ ᠬᠢᠬᠦ ᠪᠠ ᠦᠢ᠍ᠯᠡᠴᠢᠯᠡᠬᠦ ᠵᠡᠷᠭᠡ ᠵᠠᠩᠭᠢᠯᠠᠭ᠎ᠠ ᠵᠢᠨ ᠭᠣᠭᠴᠣᠭ᠎ᠠ ᠵᠢ ᠨᠢᠭᠡᠳᠦᠯᠲᠡᠶ ᠲᠥᠯᠥᠪᠯᠡᠨ ᠰᠦᠪᠡᠭᠴᠢᠯᠡᠵᠤ᠂ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠲᠥᠯᠥᠪᠵᠢᠭᠦᠯᠭᠡ ᠪᠣᠯᠤᠨ ᠲᠤᠰ ᠭᠠᠵᠠᠷ ᠣᠷᠣᠨ᠎ᠤ 《13·5》 ᠵᠢᠨ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠲᠥᠯᠥᠪᠵᠢᠭᠦᠯᠭᠡ ᠵᠢ ᠰᠠᠶ᠋ᠢᠲᠤᠷ ᠬᠢᠵᠦ᠂ ᠢᠯᠠᠩᠭᠤᠶ᠎ᠠ ᠠᠵᠤ ᠦᠢ᠍ᠯᠡᠰ ᠵᠶ᠋ᠠᠷ ᠶᠠᠳᠠᠭᠤ᠎ᠠᠴᠠ ᠠᠨᠭ᠌ᠬᠢᠵᠢᠷᠠᠭᠤᠯᠬᠤ᠂ ᠰᠢᠯᠵᠢᠬᠦᠯᠦᠨ ᠠᠵᠢᠯ ᠤᠯᠭᠤᠵᠤ ᠶᠠᠳᠠᠭᠤ᠎ᠠᠴᠠ ᠠᠩᠭᠢᠵᠢᠷᠠᠭᠤᠯᠬᠤ ᠵᠡᠷᠭᠡ ᠲᠥᠯᠥᠪᠵᠢᠭᠦᠯᠭᠡ ᠵᠢ ᠠᠪᠴᠠᠯᠳᠤᠭᠤᠯᠬᠤ ᠬᠡᠷᠡᠭᠲᠡᠶ᠃ ᠲᠠᠨᠭ᠌ᠰᠠ ᠡᠪᠬᠡᠮᠡᠯ ᠪᠠᠢ᠌ᠭᠤᠯᠤᠨ ᠺᠠᠷᠲ ᠠᠪᠤᠭᠰᠠᠨ ᠨᠡᠭᠦᠯᠭᠡᠬᠦ ᠡᠷᠦᠭᠡ ᠵᠢ ᠳᠠᠮᠵᠢᠨ ᠲᠣᠭᠲᠠᠭᠤᠨ ᠵᠶ᠋ᠠᠷ ᠶᠠᠳᠠᠭᠤ᠎ᠠᠴᠠ ᠠᠨᠭ᠌ᠬᠢᠵᠢᠷᠠᠭᠤᠯᠬᠤ ᠢᠵᠢ ᠪᠦᠷᠢᠨ ᠲᠥᠷᠥ ᠵᠢᠨ ᠪᠣᠳᠣᠯᠭ᠎ᠠ ᠵᠢ ᠱᠠᠯᠠᠪᠬᠠᠨ ᠨᠡᠶ᠋ᠢᠲᠡᠯᠡᠨ ᠬᠡᠷᠡᠭᠵᠢᠭᠦᠯᠵᠦ᠂ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠣᠷᠣᠭᠤᠯᠤᠯᠲᠠ ᠵᠢᠨ ᠡᠷᠴᠢᠮ᠎ᠢ ᠴᠢᠨᠭ᠌ᠭ᠋ᠠᠯᠠᠨ᠂ ᠡᠯ᠎ᠡ ᠱᠠᠲᠤᠨ᠎ᠤ ᠡᠯ᠎ᠡ ᠲᠦᠷᠦᠯ᠎ᠤᠨ ᠲᠠᠷᠢᠶᠠᠯᠠᠩ᠎ᠳᠤ ᠬᠣᠯᠪᠣᠭᠳᠠᠬᠤ ᠲᠤᠰᠬᠠᠶ ᠪᠡᠯᠡ ᠮᠥᠩᠭᠥ᠂ ᠡᠳ᠋᠎ᠤᠨ ᠵᠠᠰᠠᠭ᠎ᠤᠨ ᠶᠠᠳᠠᠭᠤ ᠵᠢ ᠲᠡᠳᠬᠦᠬᠦ ᠲᠤᠰᠬᠠᠢ ᠪᠠᠯᠠ ᠮᠥᠩᠭᠥ ᠵᠢ ᠲᠥᠪᠬᠢᠨᠡᠭᠦᠯᠬᠦ ᠣᠷᠣᠨ ᠲᠡᠰᠢ ᠬᠡᠯᠪᠡᠢ᠌ᠯᠭᠡᠵᠤ᠂ ᠨᠡᠭᠦᠯᠭᠡᠬᠦ ᠤᠯᠠᠨ ᠲᠦᠮᠡᠨ᠎ᠤ ᠵᠠᠯᠭ᠋ᠠᠮᠵᠢ ᠠᠵᠤ ᠦᠢ᠍ᠯᠡᠰ᠎ᠤᠨ ᠬᠥᠭᠵᠢᠯᠲᠡ ᠵᠢ ᠭᠣᠣᠯᠳᠠᠯᠭ᠎ᠠ᠎ᠲᠠᠢ ᠳᠡᠮᠵᠢᠬᠦ ᠬᠡᠷᠡᠭᠲᠡᠶ᠃ ᠲᠠᠨᠭ᠌ᠰᠠ ᠡᠪᠬᠡᠮᠡᠯ ᠪᠠᠢ᠌ᠭᠤᠯᠤᠨ ᠺᠠᠷᠲ ᠠᠪᠤᠭᠰᠠᠨ ᠨᠡᠭᠦᠯᠭᠡᠬᠦ ᠡᠷᠦᠭᠡ ᠵᠢ ᠠᠮᠢ ᠠᠬᠤᠶ᠎ᠪᠠᠷ ᠶᠠᠳᠠᠭᠤ ᠵᠢ ᠲᠡᠳᠬᠦᠬᠦ᠂ ᠰᠤᠷᠭ᠋ᠠᠨ ᠬᠥᠮᠦᠵᠢᠯ ᠵᠶ᠋ᠠᠷ ᠶᠠᠳᠠᠭᠤ ᠵᠢ ᠲᠡᠳᠬᠦᠬᠦ᠂ ᠨᠡᠶ᠋ᠢᠭᠡᠮ᠎ᠤᠨ ᠪᠠᠲᠤᠯᠠᠭ᠎ᠠ ᠵᠢᠨ ᠰᠠᠭᠤᠷᠢ ᠵᠡᠷᠭᠡ ᠲᠤᠢ᠌ᠯ᠎ᠤᠨ ᠤᠨᠤᠪᠴᠢᠲᠠᠢ᠎ᠪᠠᠷ ᠶᠠᠳᠠᠭᠤ᠎ᠠᠴᠠ ᠠᠨᠭ᠌ᠬᠢᠵᠢᠷᠠᠭᠤᠯᠬᠤ ᠢᠨᠵᠧᠨᠧᠷᠢᠩ᠎ᠳᠤ ᠤᠷᠤᠭᠤᠯᠵᠤ᠂ ᠪᠤᠰᠤᠳ ᠲᠠᠨᠭ᠌ᠰᠠ ᠡᠪᠬᠡᠮᠡᠯ ᠪᠠᠢ᠌ᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠤᠭᠡᠯᠦᠭᠡ ᠲᠡᠳᠬᠦᠨ ᠳᠡᠮᠵᠢᠬᠦ ᠲᠦᠷᠦ ᠵᠢᠨ ᠪᠤᠳᠤᠯᠭ᠎ᠠ ᠵᠢ ᠠᠳᠠᠯᠢ ᠲᠡᠭᠰᠢ᠎ᠪᠠᠷ ᠬᠦᠷᠲᠡᠭᠡᠯᠭᠡᠬᠦ ᠬᠡᠷᠡᠭᠲᠡᠶ᠃ ᠰᠢᠨ᠎ᠡ ᠮᠠᠶᠢᠭ᠎ᠤᠨ ᠠᠵᠢᠯ ᠮᠡᠷᠭᠡᠵᠢᠯ᠎ᠤᠨ ᠲᠠᠷᠢᠶᠠᠴᠢᠳ᠎ᠤᠨ ᠪᠣᠯᠪᠠᠰᠤᠷᠠᠭᠤᠯᠤᠯ᠎ᠤᠨ ᠢᠨᠵᠧᠨᠧᠷᠢᠩ᠂ ᠬᠤᠷ᠎ᠠ ᠵᠢᠨ ᠰᠢᠮ᠎ᠡ ᠲᠥᠯᠥᠪᠯᠡᠭᠡ᠂ ᠬᠠᠪᠤᠷ᠎ᠤᠨ ᠦᠢ᠍ᠯᠡ ᠠᠵᠢᠯᠯᠠᠭ᠎ᠠ ᠵᠡᠷᠭᠡ ᠪᠣᠯᠪᠠᠰᠤᠷᠠᠭᠤᠯᠤᠯ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠨᠡᠭᠦᠯᠬᠡᠨ ᠠᠵᠢᠯ ᠣᠯᠭᠣᠬᠤ ᠪᠣᠯᠪᠠᠰᠤᠷᠠᠭᠤᠯᠤᠯ᠎ᠤᠨ ᠡᠷᠴᠢᠮ᠎ᠢ ᠴᠢᠨᠭ᠌ᠭ᠋ᠠᠯᠠᠵᠤ᠂ ᠲᠠᠨᠭ᠌ᠰᠠ ᠡᠪᠬᠡᠮᠡᠯ ᠪᠠᠢ᠌ᠭᠤᠯᠤᠨ ᠺᠠᠷᠲ ᠠᠪᠤᠭᠰᠠᠨ ᠨᠡᠭᠦᠯᠭᠡᠬᠦ ᠤᠯᠠᠨ ᠲᠦᠮᠡᠨ᠎ᠳᠤ 1 — 2 ᠵᠦᠢ᠍ᠯ᠎ᠤᠨ ᠠᠵᠢᠯ ᠣᠯᠭᠣᠬᠤ ᠮᠡᠷᠭᠡᠵᠢᠯ ᠴᠢᠳᠠᠪᠤᠷᠢ ᠡᠵᠡᠮᠰᠢᠬᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠬᠣᠲᠠ ᠪᠠᠯᠭ᠋ᠠᠰᠤ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠂ ᠵᠢᠭᠤᠯᠴᠢᠯᠠᠯ᠎ᠤᠨ ᠦᠵᠡᠮᠵᠢᠲᠦ ᠣᠷᠣᠨ ᠵᠡᠷᠭᠡ ᠠᠵᠢᠯ ᠣᠯᠭᠣᠬᠤ ᠠᠵᠢᠯ᠎ᠤᠨ ᠪᠠᠶ᠋ᠢᠷᠢ᠎ᠳᠤ ᠲᠦᠰᠢᠭᠯᠡᠨ᠂ ᠨᠡᠢ᠍ᠢ᠍ᠳᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠵᠢ ᠢᠳᠡᠪᠬᠢᠲᠡᠶ ᠪᠠᠶ᠋ᠢᠭᠤᠯᠵᠤ᠂ ᠨᠡᠭᠦᠯᠬᠡᠭᠳᠡᠭᠰᠡᠳᠲᠤ ᠠᠵᠢᠯ ᠣᠯᠭᠣᠬᠤ ᠠᠷᠭ᠎ᠠ ᠵᠠᠮ᠎ᠢ ᠥᠷᠭᠡᠳᠬᠡᠵᠦ᠂ 《ᠶᠠᠳᠠᠭᠤ ᠭᠠᠵᠠᠷ᠎ᠠᠴᠠ᠎ᠨᠢ ᠨᠡᠭᠦᠯᠭᠡᠬᠦ》 ᠪᠠ 《ᠶᠠᠳᠠᠭᠤᠷᠠᠯ ᠠᠵᠢᠯ᠎ᠢ᠎ᠨᠢ ᠰᠣᠯᠢᠬᠤ》 ᠵᠢ ᠵᠡᠷᠭᠡ᠎ᠪᠡᠷ ᠠᠳᠬᠤᠬᠤ᠂ ᠠᠮᠤᠭᠤᠯᠠᠨᠭ᠌ ᠰᠠᠭᠤᠷᠢᠰᠢᠬᠤ ᠪᠠ ᠪᠠᠶᠠᠷ ᠬᠦᠷ᠎ᠲᠠᠢ ᠠᠵᠢᠯᠯᠠᠬᠤ ᠵᠢ ᠵᠡᠷᠭᠡ᠎ᠳᠤ᠎ᠨᠢ ᠴᠢᠬᠤᠯᠠᠴᠢᠯᠠᠬᠤ᠂ ᠨᠡᠭᠦᠯᠭᠡᠬᠦ ᠪᠠ ᠶᠠᠳᠠᠭᠤ᠎ᠠᠴᠠ ᠠᠩᠭᠢᠵᠢᠷᠠᠬᠤ ᠵᠢ ᠵᠡᠷᠭᠡ᠎ᠳᠤ᠎ᠨᠢ ᠪᠡᠶᠡᠯᠡᠭᠦᠯᠬᠦ ᠵᠢ ᠦᠨᠡᠨᠬᠦ ᠪᠠᠲᠤᠯᠠᠬᠤ ᠬᠡᠷᠡᠭᠲᠠᠢ᠃
ᠸᠸᠨ ᠮᠢᠨ᠄
(ᠳᠦᠷᠪᠡ) ᠬᠢᠨᠠᠯᠲᠠ ᠲᠠᠯᠪᠢᠵᠤ ᠬᠢᠨᠠᠨ ᠰᠢᠯᠭ᠋ᠠᠬᠤ ᠲᠦᠷᠢᠮ᠎ᠢ ᠴᠠᠭ ᠲᠤᠬᠠᠶ᠎ᠳᠤᠨᠢ ᠪᠠᠶ᠋ᠢᠭᠤᠯᠤᠨ ᠲᠡᠭᠦᠯᠳᠡᠷᠵᠢᠬᠦᠯᠬᠦ ᠬᠡᠷᠡᠭᠲᠠᠢ᠃ ᠡᠯ᠎ᠡ ᠭᠠᠵᠠᠷ᠎ᠤᠳ ᠬᠠᠷᠠᠯᠲᠠ᠎ᠪᠠᠨ ᠬᠠᠷᠢᠯᠴᠠᠨ ᠦᠢ᠍ᠯᠡᠳᠦᠯᠴᠡᠬᠦ ᠤᠬᠠᠮᠰᠠᠷ᠎ᠢ ᠪᠤᠢ ᠪᠤᠯᠭ᠋ᠠᠵᠤ᠂ ᠬᠢᠨᠠᠯᠲᠠ ᠲᠠᠯᠪᠢᠵᠤ ᠬᠢᠨᠠᠨ ᠰᠢᠯᠭ᠋ᠠᠬᠤ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠤᠨᠳᠤᠤ ᠭᠠᠵᠠᠷ ᠨᠡᠭᠦᠯᠭᠡᠨ ᠶᠠᠳᠠᠭᠤ᠎ᠠᠴᠠ ᠠᠩᠭᠢᠵᠢᠷᠠᠭᠤᠯᠬᠤ ᠦᠷ᠎ᠡ ᠪᠦᠲᠦᠮᠵᠢ ᠵᠢ ᠬᠢᠨᠠᠨ ᠰᠢᠯᠭ᠋ᠠᠬᠤ ᠵᠢ ᠴᠢᠩᠭ᠋ᠠᠳᠬᠠᠵᠤ᠂ ᠪᠡᠯᠡ ᠮᠥᠩᠭᠥ᠎ᠤᠨ ᠲᠦᠷᠦᠯ ᠵᠦᠢ᠍ᠯ᠎ᠳᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠡᠯ᠎ᠡ ᠵᠦᠢ᠍ᠯ᠎ᠤᠨ ᠠᠵᠢᠯ᠎ᠳᠤ ᠪᠣᠳᠠᠲᠤ ᠠᠮᠵᠢᠯᠲᠠ ᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠣᠳᠣᠬᠠᠨ᠎ᠳᠤ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠎ᠨᠢ ᠲᠥᠪ᠎ᠤᠨ 《ᠬᠣᠶᠠᠷ ᠲᠠᠯ᠎ᠠ ᠵᠢ ᠬᠠᠮᠢᠶᠠᠷᠬᠤ》 ᠱᠠᠭ᠋ᠠᠷᠳᠠᠯᠭ᠎ᠠ ᠶᠣᠰᠣᠭ᠋ᠠᠷ᠂ ᠬᠠᠮᠢᠶ᠎ᠠ ᠪᠦᠬᠦᠢ ᠬᠠᠮᠢᠶᠠᠷᠤᠯᠲᠠ ᠵᠢᠨ ᠳᠦᠷᠢᠮ᠎ᠢ ᠴᠢᠨᠭᠭ᠎ᠠ ᠲᠣᠭᠲᠠᠭ᠋ᠠᠨ ᠨᠡᠢ᠌ᠲᠡᠯᠡᠬᠦ᠎ᠪᠠᠷ ᠱᠠᠯᠠᠪᠳᠠᠵᠤ ᠪᠠᠢ᠌ᠨ᠎ᠠ᠃ ᠡᠭᠦᠨ᠎ᠳᠤ 《ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠲᠤᠰᠬᠠᠶ ᠪᠥᠳᠥᠭᠡᠨ ᠪᠠᠶ᠋ᠢᠭᠤᠯᠤᠯᠲᠠ ᠵᠢᠨ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠢ ᠳᠠᠷᠤᠮᠠᠯᠯᠠᠨ ᠲᠠᠷᠬᠠᠭ᠋ᠠᠵᠤ ᠬᠡᠷᠡᠭᠵᠢᠬᠦᠯᠪᠡ᠂ 《ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠠᠵᠢᠯ᠎ᠢ ᠬᠢᠨᠠᠨ ᠰᠢᠯᠭ᠋ᠠᠬᠤ ᠠᠷᠭ᠎ᠠ》 ᠪᠤᠯᠤᠨ 《ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠵᠢ ᠬᠢᠨᠠᠨ ᠬᠠᠮᠢᠶᠠᠷᠬᠤ ᠠᠷᠭ᠎ᠠ》 ᠵᠢ ᠤᠳᠤ ᠶᠠᠭ ᠲᠣᠭᠲᠠᠭ᠋ᠠᠵᠤ ᠪᠤᠢ᠃ ᠲᠥᠪ᠎ᠤᠨ ᠬᠠᠮᠢᠶ᠎ᠠ ᠪᠦᠬᠦᠢ ᠬᠠᠮᠢᠶᠠᠷᠤᠯᠲᠠ ᠵᠢᠨ ᠠᠷᠭ᠎ᠠ ᠪᠤᠯᠤᠨ ᠲᠦᠷᠢᠮ᠎ᠢ ᠨᠡᠢ᠌ᠲᠡᠯᠡᠭᠰᠡᠨ᠎ᠤ ᠳᠠᠷᠠᠭ᠎ᠠ᠂ ᠡᠯ᠎ᠡ ᠭᠠᠵᠠᠷ᠎ᠤᠳ ᠡᠨᠡ ᠬᠦ᠌ ᠰᠠᠭᠤᠷᠢᠨ ᠳᠡᠭᠡᠷ᠎ᠡ᠂ ᠲᠤᠰ ᠮᠤᠵᠢ ᠵᠢᠨ ᠬᠢᠨᠠᠨ ᠰᠢᠯᠭ᠋ᠠᠬᠤ ᠠᠷᠭ᠎ᠠ᠂ ᠬᠠᠮᠢᠶᠠᠷᠤᠯᠲᠠ ᠵᠢᠨ ᠲᠦᠷᠢᠮ ᠪᠤᠶᠤ ᠬᠡᠷᠡᠭᠵᠢᠭᠦᠯᠬᠦ ᠨᠠᠷᠢᠨ ᠳᠦᠷᠢᠮ᠎ᠢ ᠱᠠᠯᠠᠪᠬᠠᠨ ᠲᠣᠭᠲᠠᠭ᠋ᠠᠵᠤ᠂ ᠱᠠᠳᠤ ᠳᠠᠷᠠᠭ᠋ᠠᠯᠠᠨ ᠬᠢᠨᠠᠯᠲᠠ ᠲᠠᠯᠪᠢᠵᠤ ᠬᠢᠨᠠᠨ ᠰᠢᠯᠭ᠋ᠠᠬᠤ ᠲᠣᠭᠲᠠᠴᠠ ᠵᠢ ᠲᠡᠭᠦᠯᠳᠡᠷᠵᠢᠭᠦᠯᠵᠦ᠂ ᠰᠢᠬᠠᠨ ᠡᠵᠡᠯᠡᠵᠦ ᠨᠡᠭᠦᠯᠭᠡᠨ ᠬᠡᠷᠡᠭᠯᠡᠭᠰᠡᠨ᠂ ᠳᠤᠮᠳᠠ᠎ᠠᠴᠠ᠎ᠨᠢ ᠦᠯᠡᠳᠡᠭᠡᠵᠤ ᠱᠠᠮᠰᠢᠭᠰᠠᠨ ᠵᠡᠷᠭᠡ ᠠᠵᠢᠯᠯᠠᠭ᠎ᠠ ᠵᠢ ᠡᠷᠡᠰ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠠᠢ᠃ 4 ᠳ᠋ᠤᠭᠡᠷ ᠰᠠᠷ᠎ᠠ ᠵᠢᠨ 22᠎ᠤᠨ ᠡᠳᠦᠷ᠂ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠲᠤᠰᠠᠬᠠᠢ᠌ᠯᠠᠨ ᠶᠠᠳᠠᠭᠤ ᠵᠢ ᠲᠡᠳᠬᠦᠬᠦ ᠬᠦᠷᠢᠶᠡᠨ᠎ᠤ ᠰᠠᠬᠢᠯᠭ᠎ᠠ ᠪᠠᠲᠤ ᠵᠢᠨ ᠬᠡᠷᠡᠭᠵᠢᠬᠦᠯᠦᠯᠲᠡ᠎ᠳᠤ ᠬᠢᠨᠠᠯᠲᠠ ᠲᠠᠯᠪᠢᠵᠤ ᠬᠠᠷᠢᠭᠤᠴᠠᠯᠭ᠎ᠠ ᠲᠤᠯᠭ᠋ᠠᠬᠤ ᠠᠵᠢᠯ᠎ᠤᠨ ᠶᠠᠷᠢᠯᠴᠠᠬᠤ ᠬᠤᠷᠠᠯ ᠬᠢᠪᠡ᠂ ᠡᠯ᠎ᠡ ᠱᠠᠲᠤᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠨᠡᠶ᠋ᠢᠲᠡᠯᠢᠭ ᠠᠰᠠᠭᠤᠳᠠᠯ᠎ᠤᠨ ᠰᠦᠪᠡᠭᠴᠢ ᠵᠢ ᠲᠥᠪᠯᠡᠷᠡᠭᠦᠯᠦᠨ ᠰᠢᠯᠢᠨ ᠰᠣᠩᠭᠣᠵᠤ᠂ ᠵᠠᠷᠯᠠᠨ ᠮᠡᠳᠡᠭᠳᠡᠵᠦ ᠢᠯᠡ ᠨᠡᠶ᠋ᠢᠲᠡᠯᠡᠬᠦ ᠡᠷᠴᠢᠮ᠎ᠢ ᠴᠢᠨᠭ᠌ᠭ᠋ᠠᠷᠠᠭᠤᠯᠵᠤ᠂ ᠴᠢᠩᠭ᠎ᠠ ᠲᠣᠳᠣᠷᠬᠠᠶ ᠳᠣᠬᠢᠶ᠎ᠠ ᠲᠠᠯᠪᠢᠵᠤ᠂ ᠦᠷᠭᠦᠯᠵᠢᠯᠡᠭᠰᠡᠨ ᠰᠦᠷ ᠦᠵᠡᠭᠦᠯᠬᠦ ᠪᠠᠢ᠌ᠳᠠᠯ᠎ᠲᠠᠢ ᠪᠤᠯᠭ᠋ᠠᠨ᠎ᠠ᠃ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ᠎ᠨᠢ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠪᠡᠯᠭᠡ ᠲᠡᠮᠳᠡᠭᠲᠦ ᠢᠨᠵᠧᠨᠧᠷᠢᠩ ᠪᠤᠯᠤᠭᠰᠠᠨ᠎ᠤ ᠬᠤᠪᠢ᠎ᠳᠤ᠂ ᠶᠡᠬᠡ ᠬᠡᠮᠵᠢᠶᠡᠨ᠎ᠤ ᠪᠡᠯᠡ ᠮᠥᠩᠭᠥ᠎ᠲᠠᠢ ᠬᠤᠯᠪᠤᠭᠳᠠᠵᠤ᠂ ᠨᠡᠶ᠋ᠢᠭᠡᠮ᠎ᠤᠨ ᠠᠨᠭ᠌ᠬᠠᠷᠤᠯᠢ ᠴᠤ᠌ ᠶᠡᠬᠡᠪᠡᠷ ᠲᠠᠲᠠᠵᠤ᠂ ᠡᠯ᠎ᠡ ᠱᠠᠲᠤᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠰᠢᠰᠲ᠋ᠧᠮ᠎ᠤᠨ ᠰᠠᠬᠢᠯᠭ᠎ᠠ ᠪᠠᠲᠤ ᠵᠢᠨ ᠬᠡᠷᠡᠭᠵᠢᠬᠦᠯᠦᠯᠲᠡ᠎ᠳᠤ ᠬᠠᠷᠢᠭᠤᠴᠠᠯᠭ᠎ᠠ ᠲᠤᠯᠭ᠋ᠠᠬᠤ ᠪᠠ ᠢᠯᠵᠠᠷᠠᠯ᠎ᠢ ᠡᠰᠡᠷᠭᠦᠴᠡᠬᠦ ᠠᠵᠢᠯ᠎ᠤᠨ ᠭᠣᠣᠯᠳᠠᠯᠭ᠎ᠠ ᠪᠤᠯᠤᠨ᠎ᠠ᠂ᠡᠯ᠎ᠡ ᠭᠠᠵᠠᠷ᠎ᠤᠳ ᠵᠠᠪᠠᠯ ᠰᠡᠷᠡᠮᠵᠢ᠎ᠲᠡᠶ ᠪᠠᠶ᠋ᠢᠵᠤ᠂ ᠠᠵᠢᠯ ᠵᠶ᠋ᠠᠨ ᠰᠠᠶ᠋ᠢᠲᠤᠷ ᠨᠠᠶ᠋ᠢᠳᠠᠪᠤᠷᠢᠵᠢᠭᠤᠯᠵᠤ᠂ ᠪᠡᠯᠡ ᠮᠥᠩᠭᠥ ᠵᠢ ᠰᠠᠶ᠋ᠢᠲᠤᠷ ᠬᠠᠮᠢᠶᠠᠷᠴᠤ ᠰᠠᠶ᠋ᠢᠲᠤᠷ ᠬᠡᠷᠡᠭᠯᠡᠵᠤ᠂ 《ᠮᠦᠨᠭᠭᠦᠨ᠎ᠤ ᠲᠦᠯᠦᠭᠡ ᠵᠡᠷᠭᠡ᠎ᠪᠠᠨ ᠬᠤᠰᠤᠭᠤᠯᠬᠤ》 ᠵᠢ ᠰᠡᠷᠭᠡᠢ᠌ᠯᠡᠵᠤ᠂ ᠠᠷᠢᠭᠤᠨ ᠴᠢᠬᠡᠴᠢ᠎ᠪᠠᠷ ᠨᠡᠭᠦᠯᠭᠡᠬᠦ ᠵᠢ ᠦᠨᠡᠨᠬᠦ ᠪᠠᠲᠤᠯᠠᠬᠤ ᠬᠡᠷᠡᠭᠲᠡᠶ᠃
(ᠲᠠᠪᠤ) ᠴᠤᠬᠤᠶ᠋ᠢᠯᠲᠠ ᠵᠢᠨ ᠴᠢᠨᠠᠷᠲᠠᠶ ᠠᠰᠠᠭᠤᠳᠠᠯ᠎ᠢ ᠤᠷᠢᠳᠴᠢᠯᠠᠨ ᠰᠣᠳᠣᠯᠵᠣ ᠣᠷᠢᠳᠴᠢᠯᠠᠨ ᠮᠠᠭ᠋ᠠᠳᠯᠠᠬᠤ ᠵᠢ ᠰᠠᠶ᠋ᠢᠲᠤᠷ ᠬᠢᠬᠦ ᠬᠡᠷᠡᠭᠲᠡᠢ᠃ ᠶᠡᠬᠡ ᠬᠡᠪᠴᠢᠶ᠎ᠡ᠎ᠪᠠᠷ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠪᠣᠯ ᠬᠥᠮᠦᠰ᠎ᠤᠨ ᠲᠠᠷᠬᠠᠯᠲᠠ ᠵᠢᠨ ᠪᠦᠲᠦᠴᠡ᠂ ᠦᠢ᠍ᠯᠡᠳᠪᠦᠷᠢᠯᠡᠯ ᠠᠮᠢᠳᠤᠷᠠᠯ᠎ᠤᠨ ᠵᠠᠩ ᠳᠠᠳᠬᠠᠯ ᠪᠣᠯᠣᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ ᠵᠢ ᠲᠣᠬᠢᠷᠠᠭᠤᠯᠬᠤ ᠪᠠ ᠲᠠᠬᠢᠨ ᠵᠣᠬᠢᠶᠠᠨ ᠪᠠᠶ᠋ᠢᠭᠤᠯᠬᠤ ᠶᠠᠪᠤᠳᠠᠯ ᠮᠦᠨ᠂ ᠳᠥᠭᠥᠮᠬᠡᠨ ᠬᠥᠮᠦᠨ ᠠᠮᠠ ᠵᠢᠨ ᠰᠢᠯᠵᠢᠯᠲᠡ ᠪᠢᠰᠢ ᠶᠤᠮ᠂ ᠡᠶ᠋ᠢᠮᠦ᠎ᠠᠴᠠ᠂ ᠡᠶ᠋ᠢᠮᠦ ᠲᠡᠶ᠋ᠢᠮᠦ ᠠᠰᠠᠭᠤᠳᠠᠯ ᠭᠠᠷᠬᠤ ᠴᠢᠨᠠᠭᠰᠢᠯᠠᠭ᠋ᠠᠳ ᠵᠠᠷᠢᠮ ᠰᠠᠨᠠᠭ᠋ᠠᠨ᠎ᠳᠤ ᠦᠭᠡᠢ ᠴᠢᠬᠤᠯᠠ ᠶᠡᠬᠡ ᠠᠰᠠᠭᠤᠳᠠᠯ ᠭᠠᠷᠬᠤ᠎ᠨᠢ ᠵᠠᠶ᠋ᠢᠯᠠᠰᠢ ᠦᠭᠡᠢ ᠶᠣᠮ᠃ ᠨᠢᠭᠡ ᠲᠠᠯ᠎ᠠ᠎ᠪᠠᠷ᠂ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ ᠪᠣᠯᠣᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠨᠡᠭᠦᠯᠭᠡᠬᠥ ᠤᠯᠠᠨ ᠲᠦᠮᠡᠨ᠎ᠤ ᠬᠦᠰᠡᠯ ᠡᠷᠡᠮᠡᠯᠵᠡᠯ ᠪᠣᠯᠣᠨ ᠭᠣᠮᠣᠳᠠᠯ ᠱᠠᠭ᠋ᠠᠷᠳᠠᠯᠭ᠎ᠠ ᠵᠢ ᠴᠠᠭ ᠢᠮᠠᠭᠲᠠ ᠣᠢ᠌ᠯᠠᠭ᠋ᠠᠵᠤ᠂ ᠴᠤᠬᠤᠶ᠋ᠢᠯᠲᠠ ᠵᠢᠨ ᠴᠢᠨᠠᠷᠲᠠᠶ᠂ ᠬᠠᠨᠳᠤᠰᠢ ᠵᠢᠨ ᠴᠢᠨᠠᠷᠲᠠᠶ ᠠᠰᠠᠭᠤᠳᠠᠯ᠎ᠢ ᠴᠠᠭ ᠲᠤᠬᠠᠶ᠎ᠳᠤᠨᠢ ᠣᠯᠵᠤ ᠮᠡᠳᠡᠨ᠂ ᠮᠥᠷᠳᠡᠨ ᠡᠵᠡᠮᠰᠢᠵᠦ᠂ ᠬᠦᠯᠢᠴᠡᠩᠭᠦᠶ ᠪᠥᠭᠡᠳ ᠨᠠᠷᠢᠨ ᠨᠢᠮᠪᠠᠶ ᠠᠵᠢᠯ ᠬᠢᠬᠦ᠎ᠪᠠᠷ ᠳᠠᠮᠵᠢᠭᠤᠯᠤᠨ ᠲᠤᠬᠠᠶ ᠵᠢᠨ ᠭᠠᠵᠠᠷ᠎ᠲᠤᠨᠢ ᠰᠢᠢ᠍ᠳᠪᠦᠷᠢᠯᠡᠬᠥ᠎ᠪᠠᠷ ᠴᠢᠷᠮᠠᠢ᠌ᠬᠤ ᠬᠡᠷᠡᠭᠲᠡᠢ᠃ ᠨᠤᠢ᠍ᠬᠦᠭᠡ ᠲᠠᠯ᠎ᠠ᠎ᠪᠠᠷ᠂ ᠭᠠᠷᠴᠤ ᠮᠡᠳᠡᠬᠦ ᠴᠢᠬᠤᠯᠠ ᠶᠡᠬᠡ ᠠᠰᠠᠭᠤᠳᠠᠯ᠂ ᠴᠢᠬᠤᠯᠠ ᠶᠡᠬᠡ ᠪᠥᠯᠥᠭᠯᠡᠯ᠎ᠤᠨ ᠴᠢᠨᠠᠷᠲᠠᠶ ᠬᠡᠷᠡᠭ᠎ᠲᠤ ᠴᠢᠭᠯᠡᠭᠦᠯᠦᠨ ᠵᠣᠬᠢᠴᠠᠩᠭᠤᠶ ᠪᠡᠯᠡᠳᠬᠡᠯ ᠲᠥᠰᠦᠯ ᠪᠤᠶᠤ ᠠᠷᠭ᠋ᠠᠴᠠᠬᠤ ᠪᠤᠳᠤᠯᠭ᠎ᠠ ᠲᠣᠭᠲᠠᠭ᠋ᠠᠵᠤ᠂ ᠵᠥᠷᠢᠴᠡᠯ ᠬᠤᠷᠴᠠᠳᠬᠤ ᠵᠢ ᠰᠡᠷᠭᠡᠢ᠌ᠯᠡᠬᠥ ᠬᠡᠷᠡᠭᠲᠡᠢ᠃
(ᠵᠢᠷᠭᠤᠭ᠎ᠠ) ᠲᠥᠷᠥᠯ ᠵᠦᠢ᠍ᠯ ᠪᠣᠯᠣᠨ ᠪᠡᠯᠡ ᠮᠥᠨᠭᠭᠥᠨᠤ ᠬᠠᠮᠢᠶᠠᠷᠤᠯᠲᠠ ᠵᠢ ᠴᠢᠨᠭ᠌ᠭ᠋ᠠᠳᠬᠠᠬᠤ ᠬᠡᠷᠡᠭᠲᠡᠢ᠃ ᠨᠢᠭᠡ᠎ᠳᠤ᠂ ᠠᠶ᠋ᠢᠮᠠᠭ ᠬᠤᠳᠠ ᠬᠣᠰᠢᠭᠤ ᠰᠢᠶᠠᠨ᠎ᠨᠤᠭᠤᠳ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠪᠦᠬᠦ ᠶᠠᠪᠤᠴᠠ᠎ᠳᠤ ᠣᠷᠣᠯᠴᠠᠬᠤ ᠬᠡᠷᠡᠭᠲᠡᠢ᠃ ᠠᠶ᠋ᠢᠮᠠᠭ ᠬᠤᠳᠠ ᠵᠢᠨ ᠬᠣᠯᠪᠣᠭᠳᠠᠯ ᠪᠥᠬᠥᠢ ᠰᠠᠯᠠᠭ᠎ᠠ ᠮᠥᠴᠢᠷ᠎ᠤᠳ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠂ ᠬᠡᠷᠡᠭ ᠶᠠᠪᠤᠳᠠᠯ᠎ᠠᠴᠠ ᠬᠣᠰᠢᠭᠤ ᠰᠢᠶᠠᠨ᠎ᠤ ᠬᠡᠷᠡᠭᠵᠢᠭᠦᠯᠬᠦ ᠲᠥᠰᠦᠯ᠎ᠤᠨ ᠬᠢᠨᠠᠨ ᠪᠠᠶ᠋ᠢᠴᠠᠭ᠋ᠠᠵᠤ ᠳᠡᠭᠡᠭᠰᠢ ᠮᠡᠳᠡᠭᠦᠯᠬᠦ ᠠᠵᠢᠯ᠂ ᠬᠡᠷᠡᠭ ᠶᠠᠪᠤᠳᠠᠯ᠎ᠤᠨ ᠳᠤᠮᠳᠠ ᠡᠳᠦᠷ ᠲᠤᠳᠤᠮ᠎ᠤᠨ ᠬᠢᠨᠠᠨ ᠪᠠᠢ᠌ᠴᠠᠭ᠋ᠠᠬᠤ ᠪᠠ ᠲᠤᠰᠬᠠᠶ ᠪᠠᠢ᠌ᠴᠠᠭ᠋ᠠᠬᠤ᠂ ᠬᠡᠷᠡᠭ ᠶᠠᠪᠤᠳᠠᠯ᠎ᠤᠨ ᠳᠠᠷᠠᠭ᠎ᠠ ᠲᠥᠷᠥᠯ ᠵᠦᠢ᠍ᠯ᠎ᠤᠨ ᠪᠠᠷᠢᠯᠭ᠎ᠠ ᠳᠠᠭᠤᠰᠴᠤ ᠵᠣᠬᠢᠶᠠᠨ ᠪᠠᠢ᠌ᠭᠤᠯᠤᠨ ᠰᠢᠯᠭ᠋ᠠᠨ ᠠᠪᠬᠤ ᠵᠢ ᠬᠠᠷᠢᠭᠤᠴᠠᠬᠤ ᠬᠡᠷᠡᠭᠲᠡᠢ᠃ ᠲᠥᠷᠥᠯ ᠵᠦᠢ᠍ᠯ᠎ᠤᠨ ᠬᠣᠰᠢᠭᠤ ᠰᠢᠶᠠᠨ᠎ᠤ ᠬᠡᠷᠡᠭᠵᠢᠭᠦᠯᠬᠦ ᠭᠣᠣᠯ ᠴᠣᠭᠴᠠ᠎ᠨᠢ ᠠᠵᠢᠯ᠎ᠤᠨ ᠦᠷ᠎ᠡ ᠪᠥᠲᠥᠮᠵᠢ᠎ᠪᠠᠨ ᠳᠡᠭᠡᠭᠰᠢᠯᠡᠭᠦᠯᠵᠦ᠂ ᠴᠢᠬᠤᠯᠠᠲᠠᠶ ᠦᠶ᠎ᠡ᠎ᠳᠤ ᠠᠵᠢᠯᠲᠠᠨ ᠲᠠᠲᠠᠵᠤ ᠲᠥᠪᠯᠡᠷᠡᠭᠦᠯᠦᠨ ᠠᠵᠢᠯᠯᠠᠬᠤ ᠬᠡᠷᠡᠭᠲᠡᠢ᠃ ᠬᠣᠶᠠᠷ᠎ᠲᠤ ᠪᠡᠯᠡ ᠮᠥᠨᠭᠭᠥᠨᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠴᠢᠨᠭ᠌ᠭ᠋ᠠᠳᠬᠠᠬᠤ ᠬᠡᠷᠡᠭᠲᠡᠢ᠃ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠢᠨᠵᠧᠨᠧᠷᠢᠩ᠎ᠤᠨ ᠪᠡᠯᠡ ᠮᠥᠩᠭᠥ ᠵᠢᠨ ᠬᠡᠮᠵᠢᠶ᠎ᠡ ᠶᠡᠬᠡ᠂ ᠲᠦᠷᠦ ᠵᠢᠨ ᠪᠤᠳᠤᠯᠭ᠎ᠠ ᠵᠢᠨ ᠴᠢᠨᠠᠷ ᠵᠶ᠋ᠠᠷ ᠴᠢᠩᠭ᠎ᠠ᠂ ᠨᠡᠶ᠋ᠢᠭᠡᠮ᠎ᠤᠨ ᠠᠨᠭ᠌ᠬᠠᠷᠤᠯ᠎ᠤᠨ ᠬᠡᠮᠵᠢᠶ᠎ᠡ ᠥᠨᠳᠥᠷ ᠪᠣᠯᠬᠣᠷ ᠡᠯ᠎ᠡ ᠭᠠᠵᠠᠷ᠎ᠤᠳ ᠬᠣᠯᠪᠣᠭᠳᠠᠯ ᠪᠦᠬᠦᠢ ᠳᠦᠷᠢᠮ ᠶᠣᠰᠣᠭ᠋ᠠᠷ ᠡᠯ᠎ᠡ ᠵᠦᠢ᠍ᠯ᠎ᠤᠨ ᠪᠡᠯᠡ ᠮᠥᠩᠭᠥ᠎ᠳᠤ ᠬᠠᠮᠢᠶᠠᠷᠤᠯᠲᠠ᠎ᠪᠠᠨ ᠦᠨᠡᠨ ᠬᠦ᠌ ᠴᠢᠩᠭ᠋ᠠᠳᠬᠠᠵᠤ᠂ ᠲᠤᠰᠬᠠᠶ ᠮᠥᠨᠭᠭᠥ ᠵᠢ ᠲᠤᠰᠬᠠᠶ ᠬᠡᠷᠡᠭᠯᠡᠬᠦ ᠵᠢ ᠦᠨᠡᠨ ᠬᠦ᠌ ᠪᠠᠲᠤᠯᠠᠵᠤ᠂ ᠱᠠᠮᠰᠢᠬᠤ ᠰᠢᠬᠠᠨ ᠡᠵᠡᠯᠡᠬᠥ ᠨᠡᠭᠦᠯᠭᠡᠨ ᠬᠡᠷᠡᠭᠯᠡᠬᠦ ᠵᠢ ᠡᠷᠡᠰ ᠰᠡᠷᠭᠡᠢ᠌ᠯᠡᠬᠥ ᠬᠡᠷᠡᠭᠲᠡᠢ᠃ ᠭᠤᠷᠪᠠ᠎ᠳᠤ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠶᠠᠳᠠᠭᠤ ᠵᠢ ᠲᠡᠳᠬᠦᠬᠦ ᠠᠯᠪᠠᠨ ᠭᠡᠷ ᠣᠳᠣ ᠶᠠᠭ ᠰᠠᠷ᠎ᠠ ᠵᠢᠨ ᠮᠡᠳᠡᠭᠦᠯᠦᠯᠲᠡ ᠪᠣᠯᠣᠨ ᠤᠯᠠᠷᠢᠯ᠎ᠤᠨ ᠮᠡᠳᠡᠭᠦᠯᠦᠯᠲᠡ ᠵᠢᠨ ᠲᠦᠷᠢᠮ᠎ᠢ ᠰᠤᠳᠤᠯᠤᠨ ᠨᠡᠢ᠌ᠲᠡᠯᠡᠬᠥᠪᠠᠷ ᠪᠠᠢ᠌ᠨ᠎ᠠ᠂ ᠬᠣᠰᠢᠭᠤ ᠰᠢᠶᠠᠨ᠎ᠨᠤᠭᠤᠳ ᠮᠡᠳᠡᠭᠡ ᠵᠠᠩᠭᠢ ᠮᠡᠳᠡᠭᠦᠯᠦᠨ ᠬᠦᠷᠭᠡᠬᠦ ᠬᠥᠮᠦᠨ᠎ᠢ ᠲᠣᠳᠣᠷᠬᠠᠢ ᠲᠣᠭᠲᠠᠭ᠋ᠠᠵᠤ᠂ ᠠᠬᠢᠴᠠ ᠵᠢᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠮᠡᠳᠡᠭᠦᠯᠦᠨ ᠬᠦᠷᠭᠡᠬᠥ ᠬᠡᠷᠡᠭᠲᠡᠢ᠃ ᠲᠦᠷᠪᠡ᠎ᠳᠤ ᠤᠬᠠᠭᠤᠯᠬᠤ ᠡᠷᠴᠢᠮ ᠵᠶ᠋ᠠᠨ ᠴᠢᠨᠭ᠌ᠭ᠋ᠠᠷᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠵᠢ ᠶᠠᠳᠠᠭᠤ ᠵᠢ ᠲᠡᠳᠬᠦᠬᠦ ᠠᠵᠢᠯ᠎ᠤᠨ ᠵᠶ᠋ᠠᠨ ᠴᠢᠬᠤᠯᠠ ᠭᠠᠷᠳᠠᠴᠠ ᠪᠣᠯᠭ᠋ᠠᠵᠤ᠂ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ ᠳᠡᠭᠡᠳᠦ ᠬᠡᠮᠵᠢᠶ᠎ᠡ᠎ᠪᠠᠷ ᠠᠩᠬᠠᠷᠴᠤ ᠪᠠᠶ᠋ᠢᠨ᠎ᠠ᠃ ᠡᠯ᠎ᠡ ᠭᠠᠵᠠᠷ᠎ᠤᠳ ᠠᠵᠢᠯ ᠵᠶ᠋ᠠᠨ ᠰᠠᠢ᠌ᠲᠤᠷ ᠬᠢᠬᠦ᠎ᠪᠠᠷ ᠪᠠᠷᠠᠬᠤ ᠦᠭᠡᠢ ᠪᠠᠰᠠ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ ᠲᠣᠣᠷ ᠰᠦᠯᠵᠢᠶ᠎ᠡ ᠵᠡᠷᠭᠡ ᠣᠯᠠᠨ ᠵᠦᠢ᠍ᠯ᠎ᠤᠨ ᠵᠠᠭᠤᠴᠢᠯᠠᠭᠤᠷ᠎ᠢ ᠭᠦᠢ᠍ᠴᠡᠳ ᠠᠰᠢᠭᠯᠠᠨ ᠨᠡᠶ᠋ᠢᠭᠡᠮ᠎ᠤᠨ ᠶᠠᠷᠢᠶ᠎ᠠ ᠬᠡᠯᠡᠯᠴᠡᠭᠡ ᠵᠢ ᠵᠥᠪ ᠵᠶ᠋ᠡᠷ ᠬᠥᠲᠥᠯᠥᠨ ᠵᠢᠯᠣᠭᠣᠳᠴᠤ᠂ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠲᠦᠷᠦ ᠵᠢᠨ ᠪᠤᠳᠤᠯᠭ᠎ᠠ ᠵᠢ ᠤᠬᠠᠭᠤᠯᠤᠨ᠂ ᠦᠵᠡᠯ ᠲᠠᠨᠢᠯᠲᠠ᠎ᠪᠠᠨ ᠤᠯᠠᠮ ᠨᠢᠭᠡ ᠠᠯᠬᠤᠮ ᠨᠢᠬᠡᠳᠬᠡᠬᠥ᠂ ᠲᠦᠷᠦ ᠵᠢᠨ ᠪᠤᠳᠤᠯᠭ᠎ᠠ ᠵᠢᠨ ᠣᠢ᠌ᠯᠠᠭ᠋ᠠᠯᠲᠠ᠎ᠪᠠᠨ ᠭᠦᠨᠵᠡᠭᠡᠢ᠌ᠷᠡᠭᠦᠯᠬᠦ᠂ ᠠᠵᠢᠯ᠎ᠤᠨ ᠬᠠᠷᠠᠯᠲᠠ᠎ᠪᠠᠨ ᠲᠣᠳᠣᠷᠬᠠᠢ᠌ᠯᠠᠬᠤ᠂ ᠲᠦᠷᠦ ᠵᠢᠨ ᠪᠤᠳᠤᠯᠭ᠎ᠠ ᠵᠢᠨ ᠬᠢᠵᠠᠭ᠋ᠠᠷ ᠱᠣᠭᠣᠮ᠎ᠢ ᠰᠠᠬᠢᠬᠤ᠂ ᠲᠦᠢ᠍ᠯ᠎ᠤᠨ ᠣᠨᠣᠪᠴᠢᠲᠠᠢ᠎ᠪᠠᠷ ᠶᠠᠳᠠᠭᠤ᠎ᠠᠴᠠ ᠠᠨᠭ᠌ᠭᠢᠵᠢᠷᠠᠭᠤᠯᠬᠤ ᠵᠢ ᠦᠨᠡᠨ ᠬᠦ᠌ ᠪᠠᠲᠤᠯᠠᠬᠤ᠂ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ᠃ ᠲᠠᠪᠤ᠎ᠳᠤ ᠲᠥᠷᠥᠯ ᠵᠦᠢ᠍ᠯ᠎ᠤᠨ ᠳᠠᠨᠭ᠌ᠰᠠ ᠡᠪᠬᠡᠮᠡᠯ ᠪᠣᠯᠣᠨ ᠳᠠᠨᠭ᠌ᠰᠠᠨᠤ ᠬᠠᠮᠢᠶᠠᠷᠤᠯᠲᠠ ᠵᠢ ᠴᠢᠨᠭ᠌ᠭ᠋ᠠᠳᠬᠠᠬᠤ ᠬᠡᠷᠡᠭᠲᠡᠢ᠃ 《13·5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠢᠨᠵᠧᠨᠧᠷᠢᠩ ᠪᠣᠯ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠰᠢᠪᠲᠦᠯᠦᠯᠲᠡ ᠵᠢᠨ ᠴᠢᠬᠤᠯᠠ ᠢᠨᠵᠧᠨᠧᠷᠢᠩ ᠮᠦᠨ᠂ ᠡᠯ᠎ᠡ ᠲᠦᠷᠦᠯ᠎ᠤᠨ ᠬᠢᠨᠠᠨ ᠪᠣᠳᠣᠯᠲᠠ᠂ ᠪᠠᠢ᠌ᠴᠠᠭ᠋ᠠᠯᠲᠠ᠂ ᠦᠨᠡᠯᠡᠯᠲᠡ ᠲᠤᠰᠬᠠᠢ ᠵᠢᠱ᠌ᠢᠯᠲᠡ᠂ ᠰᠢᠯᠭ᠋ᠠᠨ ᠠᠪᠬᠤ ᠶᠠᠪᠤᠳᠠᠯ ᠨᠡᠩ ᠴᠢᠨᠭ᠌ᠭ᠋ᠠᠳᠬᠤ ᠪᠣᠯᠣᠨ᠎ᠠ᠂ ᠲᠥᠷᠥᠯ ᠵᠦᠢ᠍ᠯ᠎ᠢ ᠬᠡᠷᠡᠭᠵᠢᠭᠦᠯᠬᠦ ᠶᠠᠪᠤᠴᠠ ᠳᠤᠮᠳᠠ ᠡᠯ᠎ᠡ ᠭᠠᠵᠠᠷ᠎ᠤᠳ ᠳᠠᠩᠰᠠ ᠡᠪᠬᠡᠮᠡᠯ ᠪᠣᠯᠣᠨ ᠳᠠᠨᠭ᠌ᠰᠠᠨᠤ ᠬᠠᠮᠢᠶᠠᠷᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠡᠨᠡ ᠠᠵᠢᠯ᠎ᠢ ᠲᠤᠰᠬᠠᠢ ᠬᠥᠮᠦᠨ ᠵᠶ᠋ᠠᠷ ᠬᠠᠷᠢᠭᠤᠴᠠᠭᠤᠯᠬᠤ ᠬᠡᠷᠡᠭᠲᠡᠢ᠃
ᠬᠥᠲᠥᠯᠥᠭᠴᠢ᠄
ᠵᠠ ᠰᠡᠢ᠍ᠢ᠍ᠠ ᠪᠣᠯᠣᠯ᠎ᠠ᠂ ᠸᠸᠨ ᠡᠷᠬᠢᠯᠡᠭᠴᠢ ᠵᠢᠨ ᠬᠦᠯᠢᠴᠡᠩᠭᠦᠶ ᠲᠠᠢ᠌ᠯᠤᠮᠵᠢ᠎ᠳᠤ ᠲᠤᠢ᠌ᠯ ᠵᠶ᠋ᠠᠷ ᠲᠠᠯᠠᠷᠬᠠᠵᠤ ᠪᠠᠢ᠌ᠨ᠎ᠠ᠃ ᠲᠣᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠵᠠᠪᠰᠠᠷᠯᠠᠯ᠎ᠠ᠂ ᠳᠠᠷᠠᠭ᠋ᠠᠴᠢ ᠵᠢᠨ ᠫᠷᠤᠭ᠌ᠷᠠᠮ᠎ᠳᠤ ᠪᠠᠶᠠᠷᠲᠠᠢ᠌ᠬᠠᠨ ᠵᠣᠯᠭ᠋ᠠᠶ᠎ᠠ!