
ᠰᠤᠷᠪᠤᠯᠵᠢᠯᠠᠭᠰᠠᠨ ᠴᠠᠭ᠄
2016 ᠣᠨ᠎ᠤ 6 ᠳ᠋ᠤᠭ᠋ᠠᠷ ᠰᠠᠷ᠎ᠠ ᠵᠢᠨ 20᠎ᠤ ᠡᠳᠦᠷ᠎ᠤᠨ ᠦᠳᠡ ᠵᠢᠨ ᠡᠮᠦᠨᠡᠬᠢ 10 ᠴᠠᠭ᠎ᠲᠤ
ᠰᠤᠷᠪᠤᠯᠵᠢᠯᠠᠭᠰᠠᠨ ᠵᠣᠴᠢᠨ᠄
ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠮᠡᠳᠡᠭᠡ ᠵᠠᠩᠭᠢᠵᠢᠯᠲᠠ ᠵᠢᠨ ᠵᠥᠪᠯᠡᠯ᠎ᠤᠨ ᠳᠡᠳ᠋ ᠡᠷᠬᠢᠯᠡᠭᠴᠢ ᠰᠢᠤᠢ ᠬᠠᠶ ᠫᠢᠩ
ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
ᠳᠡᠭᠡᠳᠦ ᠬᠤᠷᠲᠤ ᠵᠢᠨ ᠥᠷᠭᠡᠨ ᠪᠦᠰᠡ ᠵᠢ ᠲᠦᠷᠭᠡᠨ ᠪᠠᠢ᠌ᠭᠤᠯᠵᠤ᠂ ᠰᠦᠯᠵᠢᠶᠡᠨ᠎ᠤ ᠬᠤᠷᠳᠤᠴᠠ ᠵᠢ ᠨᠡᠮᠡᠭᠳᠡᠭᠦᠯᠦᠨ ᠰᠦᠢ᠍ᠳᠬᠡᠯ᠎ᠢ ᠪᠠᠭᠤᠷᠠᠭᠤᠯᠬᠤ ᠠᠵᠢᠯ᠎ᠢ ᠠᠬᠢᠭᠤᠯᠵᠤ᠂ ᠡᠭᠦᠯᠡᠨ ᠪᠣᠳᠣᠯᠳᠠ᠂ ᠶᠡᠬᠡ ᠲᠣᠭ᠎ᠠ ᠪᠠᠷᠢᠮᠲᠠ ᠵᠢᠴᠢ 《ᠢᠨᠲᠸᠷ ᠰᠦᠯᠵᠢᠶ᠎ᠡ +》 ᠵᠢ ᠲᠦᠯᠬᠢᠨ ᠠᠬᠢᠭᠤᠯᠵᠤ᠂ ᠮᠡᠳᠡᠭᠡ ᠵᠠᠩᠭᠢᠵᠢᠯᠲᠠ ᠵᠢᠨ ᠬᠡᠷᠡᠭᠯᠡᠯᠲᠡ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠮᠡᠳᠡᠭᠡ ᠵᠠᠩᠭᠢᠵᠢᠯᠲᠠ ᠵᠢᠨ ᠵᠥᠪᠯᠡᠯ 《ᠳᠡᠭᠡᠳᠦ ᠬᠤᠷᠲᠤ ᠵᠢᠨ ᠥᠷᠭᠡᠨ ᠪᠦᠰᠡᠲᠦ ᠰᠦᠯᠵᠢᠶᠡᠨ᠎ᠤ ᠪᠠᠶ᠋ᠢᠭᠤᠯᠤᠯᠲᠠ ᠵᠢ ᠲᠦᠷᠭᠡᠳᠬᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠰᠤᠳᠤᠯᠤᠨ ᠲᠤᠭᠤᠷᠪᠢᠵᠤ᠂ ᠣᠷᠴᠢᠮᠬᠠᠨ ᠪᠦᠬᠦ ᠣᠷᠣᠨ᠎ᠳᠤ ᠳᠠᠷᠤᠮᠠᠯᠯᠠᠨ ᠲᠠᠷᠬᠠᠭ᠋ᠠᠵᠠᠢ᠃ 《ᠰᠠᠨᠠᠯ》᠎ᠤᠨ ᠬᠠᠮᠢᠶ᠎ᠠ ᠪᠦᠬᠦᠢ ᠪᠠᠶ᠋ᠢᠳᠠᠯ᠎ᠢ ᠨᠠᠷᠢᠨ ᠣᠢ᠌ᠯᠠᠭ᠋ᠠᠬᠤ ᠵᠢᠨ ᠲᠤᠰᠠᠳᠠ᠂ ᠪᠢᠳᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠮᠡᠳᠡᠭᠡ ᠵᠠᠩᠭᠢᠵᠢᠯᠲᠠ ᠵᠢᠨ ᠵᠥᠪᠯᠡᠯ᠎ᠤᠨ ᠳᠡᠳ᠋ ᠡᠷᠬᠢᠯᠡᠭᠴᠢ ᠰᠢᠤᠢ ᠬᠠᠶ ᠫᠢᠩ᠎ᠢ 《ᠳᠤᠮᠳᠠᠳᠤ ᠤᠯᠤᠰ᠂ ᠥᠪᠥᠷ ᠮᠣᠩᠭᠣᠯ》 ᠰᠦᠯᠵᠢᠶᠡᠨ᠎ᠳᠤ ᠤᠷᠢᠪᠠ᠂ ᠥᠷᠭᠡᠨ ᠣᠯᠠᠨ ᠰᠦᠯᠵᠢᠶᠡᠨ ᠠᠨᠳᠠ ᠨᠠᠷ ᠢᠳᠡᠪᠬᠢᠲᠡᠶ ᠣᠷᠣᠯᠴᠠᠬᠤ ᠪᠤᠯᠪᠠᠣ!
ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ
ᠬᠥᠲᠥᠯᠥᠭᠴᠢ᠄
ᠰᠦᠯᠵᠢᠶᠡᠨ ᠠᠨᠳᠠ ᠨᠠᠷ ᠰᠠᠢ᠍ᠢ᠍ᠨ ᠪᠠᠢ᠌ᠵᠠᠭ᠋ᠠᠨ᠎ᠠ ᠦᠦ! ᠲᠠ ᠪᠦᠬᠦᠨ᠎ᠤ ᠲᠣᠰ ᠬᠤᠭᠤᠴᠠᠭ᠎ᠠ ᠵᠢᠨ 《ᠳᠤᠮᠳᠠᠳᠤ ᠤᠯᠤᠰ᠂ ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠠᠷᠢᠯᠴᠠᠯᠭ᠎ᠠ ᠵᠢᠨ ᠪᠤᠯᠤᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠮᠡᠳᠡᠭᠡ ᠵᠠᠩᠭᠢᠵᠢᠯᠲᠠ ᠵᠢᠨ ᠵᠥᠪᠯᠡᠯ᠎ᠤᠨ ᠳᠡᠳ᠋ ᠡᠷᠬᠢᠯᠡᠭᠴᠢ ᠰᠢᠤᠢ ᠬᠠᠶ ᠫᠢᠩ᠎ᠢ ᠤᠷᠢᠵᠤ 《ᠰᠠᠨᠠᠯ》᠎ᠳᠤ ᠳᠤᠷᠠᠳᠤᠭᠰᠠᠨ ᠮᠠᠨ᠎ᠤ ᠣᠷᠣᠨ᠎ᠤ ᠳᠡᠭᠡᠳᠦ ᠬᠤᠷᠳᠤ ᠵᠢᠨ ᠥᠷᠭᠡᠨ ᠪᠦᠰᠡᠲᠦ ᠰᠦᠯᠵᠢᠶᠡᠨ᠎ᠤ ᠪᠠᠶ᠋ᠢᠭᠤᠯᠤᠯᠲᠠ ᠵᠢ ᠬᠡᠷᠬᠢᠨ ᠲᠦᠷᠭᠡᠳᠬᠡᠬᠦ ᠲᠤᠬᠠᠶ ᠬᠠᠮᠢᠶ᠎ᠠ ᠪᠦᠬᠦᠢ ᠰᠠᠨᠠᠯ ᠵᠶ᠋ᠠᠨ ᠰᠦᠯᠵᠢᠶᠡᠨ ᠠᠨᠳᠠ ᠨᠠᠷ᠎ᠲᠠᠢ ᠰᠣᠯᠢᠯᠴᠠᠬᠤ ᠪᠦᠭᠡᠳ ᠰᠦᠯᠵᠢᠶᠡᠨ ᠠᠨᠳᠠ ᠨᠠᠷ᠎ᠤᠨ ᠳᠤᠷᠠᠳᠤᠭᠰᠠᠨ ᠠᠰᠠᠭᠤᠯᠲᠠ ᠵᠢ ᠬᠠᠷᠢᠭᠤᠯᠬᠤ ᠪᠣᠯᠣᠨ᠎ᠠ᠃ ᠰᠢᠦᠢ ᠡᠷᠬᠢᠯᠡᠭᠴᠢ ᠵᠢ ᠪᠠᠶᠠᠷᠯᠠᠨ ᠤᠭᠲᠤᠵᠤ ᠪᠠᠶ᠋ᠢᠨ᠎ᠠ!
ᠰᠢᠤᠢ ᠬᠠᠶ ᠫᠢᠩ᠄
ᠬᠥᠲᠥᠯᠥᠭᠴᠢ ᠰᠠᠶ᠋ᠢᠨ ᠪᠠᠢ᠌ᠨ᠎ᠠ ᠦᠦ᠂ ᠰᠦᠯᠵᠢᠶᠡᠨ ᠠᠨᠳᠠ ᠲᠠ ᠪᠦᠭᠦᠨ ᠰᠠᠢ᠍ᠢ᠍ᠨ ᠪᠠᠢ᠌ᠵᠠᠭ᠋ᠠᠨ᠎ᠠ ᠦᠦ! ᠲᠠ ᠪᠦᠬᠦᠨ᠎ᠲᠠᠢ ᠰᠠᠨᠠᠯ ᠵᠶ᠋ᠠᠨ ᠰᠣᠯᠢᠯᠴᠠᠬᠤ ᠪᠣᠯᠣᠭᠰᠠᠨ᠎ᠳᠠᠭᠠᠨ ᠲᠤᠩ ᠪᠠᠶᠠᠷᠯᠠᠵᠤ ᠪᠠᠢ᠌ᠨ᠎ᠠ᠃ ᠡᠨᠡᠬᠦ ᠲᠠᠰᠢᠷᠠᠮ᠎ᠳᠤ᠂ ᠪᠢ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠮᠡᠳᠡᠭᠡ ᠵᠠᠩᠭᠢᠵᠢᠯᠲᠠ ᠵᠢᠨ ᠵᠥᠪᠯᠡᠯ᠎ᠤᠨ ᠡᠮᠦᠨ᠎ᠡ᠎ᠠᠴᠠ ᠮᠠᠨ᠎ᠤ ᠣᠷᠣᠨ᠎ᠤ ᠳᠡᠭᠡᠳᠦ ᠬᠤᠷᠳᠤ ᠵᠢᠨ ᠥᠷᠭᠡᠨ ᠪᠦᠰᠡᠲᠦ ᠰᠦᠯᠵᠢᠶᠡᠨ᠎ᠤ ᠪᠠᠶ᠋ᠢᠭᠤᠯᠤᠯᠲᠠ ᠵᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ ᠠᠨᠳᠠ ᠨᠠᠷ᠎ᠲᠠᠭᠠᠨ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠵᠦ ᠪᠠᠶ᠋ᠢᠨ᠎ᠠ᠃
ᠬᠥᠲᠥᠯᠥᠭᠴᠢ᠄
ᠰᠢᠦᠢ ᠡᠷᠬᠢᠯᠡᠭᠴᠢ ᠡ᠂ ᠨᠢᠳᠤᠨᠤᠨ᠎ᠠᠴᠠ ᠨᠠᠰᠢ᠂ ᠳᠣᠢ᠍ᠷᠤ ᠵᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠶ ᠰᠠᠶ᠋ᠢᠳ ᠯᠢ ᠺᠧ ᠴᠢᠶᠠᠩ 《ᠰᠦᠯᠵᠢᠶᠡᠨ᠎ᠤ ᠬᠤᠷᠳᠤᠴᠠ ᠵᠢ ᠳᠡᠭᠡᠭᠰᠢᠯᠡᠭᠦᠯᠵᠦ ᠰᠦᠢ᠍ᠳᠬᠡᠯ᠎ᠢ ᠪᠠᠭᠤᠷᠠᠭᠤᠯᠬᠤ》 ᠳᠤᠷᠠᠳᠤᠯᠭ᠎ᠠ ᠭᠠᠷᠭ᠋ᠠᠵᠤ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ ᠨᠢᠭᠡᠳᠦᠯᠲᠡᠶ
ᠪᠠᠢ᠌ᠷᠢᠯᠠᠭᠤᠯᠵᠤ᠂ ᠴᠢᠮᠡᠭᠡ ᠬᠣᠯᠪᠣᠭ᠋ᠠᠨ᠎ᠤ ᠡᠵᠡᠩᠨᠡᠯᠲᠡ ᠵᠢᠨ ᠬᠤᠳᠠᠯᠳᠤᠭ᠋ᠠᠴᠢᠳ ᠤᠷᠢᠳ ᠬᠣᠵᠢᠳ ᠬᠤᠷᠳᠤ ᠵᠢ ᠨᠡᠮᠡᠭᠳᠡᠭᠦᠯᠦᠨ ᠰᠦᠢ᠍ᠳᠬᠡᠯ᠎ᠢ ᠪᠠᠭᠤᠷᠠᠭᠤᠯᠬᠤ ᠲᠥᠰᠦᠯ ᠭᠠᠷᠭ᠋ᠠᠵᠤ᠂ ᠱᠠᠳᠤ ᠱᠠᠳᠤ᠎ᠪᠠᠷ ᠬᠡᠷᠡᠭᠵᠢᠭᠦᠯᠪᠡ᠃ ᠲᠡᠭᠡᠪᠡᠯ ᠮᠠᠨ᠎ᠤ ᠣᠷᠣᠨ᠎ᠳᠠᠬᠢ ᠡᠨᠡᠬᠦ ᠠᠵᠢᠯ᠎ᠤᠨ ᠠᠬᠢᠴᠠ ᠵᠢᠨ ᠪᠠᠶ᠋ᠢᠳᠠᠯ ᠶᠠᠮᠠᠷᠰᠢᠤ ᠪᠠᠢ᠌ᠬᠤ ᠪᠤᠢ?
ᠰᠢᠤᠢ ᠬᠠᠶ ᠫᠢᠩ᠄
ᠪᠣᠯᠣᠨ᠎ᠠ᠂ ᠪᠢ ᠥᠪᠡᠷᠲᠡᠭᠡᠨ ᠵᠠᠰᠠᠬᠤ ᠣᠷᠣᠨ᠎ᠤ ᠰᠦᠢ᠍ᠳᠬᠡᠯ ᠪᠠᠭᠤᠷᠠᠭᠤᠯᠤᠭᠰᠠᠨ ᠪᠠᠶ᠋ᠢᠳᠠᠯ᠎ᠢ ᠲᠣᠪᠴᠢᠬᠠᠨ ᠲᠠᠨᠢᠯᠴᠠᠭᠤᠯᠤᠶ᠎ᠠ᠃ 2015 ᠣᠨ᠎ᠳᠤ᠂ ᠴᠢᠮᠡᠭᠡ ᠬᠣᠯᠪᠣᠭ᠋ᠠᠨ᠎ᠤ ᠡᠵᠡᠩᠨᠡᠯᠲᠡ ᠵᠢᠨ ᠬᠤᠳᠠᠯᠳᠤᠭ᠋ᠠᠴᠢᠳ ᠰᠦᠯᠵᠢᠶᠡᠨ᠎ᠤ ᠬᠤᠷᠳᠤᠴᠠ ᠵᠢ ᠳᠡᠭᠡᠭᠰᠢᠯᠡᠭᠦᠯᠵᠦ ᠰᠦᠢ᠍ᠳᠬᠡᠯ᠎ᠢ ᠪᠠᠭᠤᠷᠠᠭᠤᠯᠬᠤ ᠲᠥᠰᠦᠯ᠎ᠤᠨ ᠵᠶ᠋ᠠᠨ ᠶᠣᠰᠣᠭ᠋ᠠᠷ᠂ ᠰᠢᠯᠵᠢᠮᠡᠯ ᠳ᠋ᠠᠶ᠋ᠢᠲ᠋ᠠ ᠵᠢᠨ ᠤᠷᠤᠰᠤᠴᠠ ᠵᠢᠨ ᠶᠡᠷᠦᠩᠬᠡᠶ᠋ᠢᠯᠡᠭᠰᠡᠨ ᠨᠢᠭᠡᠴᠢ ᠦᠨ᠎ᠡ ᠵᠢ 20 %᠎ᠪᠠᠷ ᠪᠠᠭᠤᠷᠠᠭᠤᠯᠬᠤ᠂ ᠲᠣᠭᠲᠠᠮᠠᠯ ᠥᠷᠭᠡᠨ ᠪᠦᠰᠡᠲᠦ ᠰᠦᠯᠵᠢᠶᠡᠨ᠎ᠤ ᠪᠦᠰᠡ ᠵᠢᠨ ᠨᠢᠭᠡᠴᠢ ᠥᠷᠭᠡᠴᠡ ᠵᠢᠨ ᠳᠤᠮᠳᠠᠴᠢ ᠦᠨ᠎ᠡ ᠵᠢ
30 %᠎ᠪᠠᠷ ᠪᠠᠭᠤᠷᠠᠭᠤᠯᠬᠤ ᠵᠢ ᠨᠢᠭᠡᠨᠲᠡ ᠪᠡᠶᠡᠯᠡᠭᠦᠯᠵᠦ᠂ ᠡᠨᠡ ᠵᠢᠯ ᠡᠭᠦᠨ᠎ᠤ ᠰᠠᠭᠤᠷᠢᠨ ᠳᠡᠭᠡᠷ᠎ᠡ᠂ ᠡᠯ᠎ᠡ ᠵᠦᠢ᠍ᠯ᠎ᠤᠨ ᠠᠷᠭ᠎ᠠ ᠪᠦᠬᠦᠨ᠎ᠢ ᠰᠦᠪᠡᠭᠴᠢᠯᠡᠵᠦ ᠪᠠᠶ᠋ᠢᠭ᠋ᠠᠳ ᠰᠦᠯᠵᠢᠶᠡᠨ᠎ᠤ ᠬᠤᠷᠳᠤᠴᠠ ᠵᠢ ᠳᠡᠭᠡᠭᠰᠢᠯᠡᠭᠦᠯᠵᠦ ᠰᠦᠢ᠍ᠳᠬᠡᠯ᠎ᠢ ᠪᠠᠭᠤᠷᠠᠭᠤᠯᠵᠤ ᠪᠠᠢ᠌ᠨ᠎ᠠ᠃
ᠬᠥᠲᠥᠯᠥᠭᠴᠢ᠄
ᠡᠨᠡᠬᠦ 《ᠰᠠᠨᠠᠯ》᠎ᠨᠢ ᠰᠦᠯᠵᠢᠶᠡᠨ᠎ᠤ ᠬᠤᠷᠳᠤᠴᠠ ᠵᠢ ᠳᠡᠭᠡᠭᠰᠢᠯᠡᠭᠦᠯᠵᠦ ᠰᠦᠢ᠍ᠳᠬᠡᠯ᠎ᠢ ᠪᠠᠭᠤᠷᠠᠭᠤᠯᠬᠤ᠎ᠲᠠᠢ ᠶᠠᠮᠠᠷ ᠬᠣᠯᠪᠣᠭᠳᠠᠯ᠎ᠲᠠᠢ ᠪᠤᠢ? ᠥᠭᠡᠷ᠎ᠡ᠎ᠪᠠᠷ ᠬᠡᠯᠡᠪᠡᠯ ᠨᠡᠶ᠋ᠢᠲᠡᠯᠡᠨ ᠬᠡᠷᠡᠭᠵᠢᠭᠦᠯᠦᠭᠰᠡᠨ ᠵᠣᠷᠢᠯᠭ᠎ᠠ᠎ᠨᠢ ᠶᠠᠭᠤ ᠪᠤᠢ? ᠲᠠ ᠮᠠᠨ ᠳᠤ ᠶᠠᠷᠢᠭ᠋ᠠᠳ ᠥᠭᠭᠦᠨ᠎ᠡ ᠦᠦ᠃
ᠰᠢᠤᠢ ᠬᠠᠶ ᠫᠢᠩ᠄
ᠰᠠᠶᠢᠬᠠᠨ ᠰᠦᠢ᠍ᠳᠬᠡᠯ ᠪᠠᠭᠤᠷᠠᠭᠤᠯᠤᠭᠰᠠᠨ ᠪᠠᠶ᠋ᠢᠳᠠᠯ᠎ᠢ ᠤᠯᠠᠨ᠎ᠳᠤ ᠶᠠᠷᠢᠯ᠎ᠠ᠂ ᠲᠡᠭᠡᠪᠡᠯ 《ᠰᠦᠯᠵᠢᠶᠡᠨ᠎ᠤ ᠬᠤᠷᠳᠤᠴᠠ ᠵᠢ ᠳᠡᠭᠡᠭᠰᠢᠯᠡᠭᠦᠯᠵᠦ ᠰᠦᠢ᠍ᠳᠬᠡᠯ ᠪᠠᠭᠤᠷᠠᠭᠤᠯᠬᠤ》 ᠵᠢ ᠬᠡᠷᠬᠢᠨ ᠪᠡᠶᠡᠯᠡᠭᠦᠯᠬᠦ ᠪᠣᠢ᠂ ᠡᠨᠡ ᠪᠣᠯ ᠳᠠᠷᠤᠢ ᠮᠠᠨ᠎ᠤ ᠥᠪᠡᠷᠲᠡᠭᠡᠨ ᠵᠠᠰᠠᠬᠤ ᠣᠷᠣᠨ᠎ᠤ ᠨᠡᠶ᠋ᠢᠲᠡᠯᠡᠭᠰᠡᠨ 《ᠳᠡᠭᠡᠳᠦ ᠬᠤᠷᠳᠤ ᠵᠢᠨ ᠥᠷᠭᠡᠨ ᠪᠦᠰᠡᠲᠦ ᠰᠦᠯᠵᠢᠶᠡᠨ᠎ᠤ ᠪᠠᠶ᠋ᠢᠭᠤᠯᠤᠯᠲᠠ ᠵᠢ ᠲᠦᠷᠭᠡᠳᠬᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》᠎ᠤᠨ ᠬᠦᠰᠡᠭᠰᠡᠨ ᠵᠣᠷᠢᠯᠲᠠ ᠮᠥᠨ᠂ ᠳᠣᠣᠷ᠎ᠠ ᠪᠢ ᠬᠣᠶᠠᠷ ᠲᠠᠯ᠎ᠠ᠎ᠪᠠᠷ ᠶᠠᠷᠢᠶ᠎ᠠ᠄
ᠨᠢᠭᠡ᠎ᠳᠤ ᠤᠯᠤᠰ᠎ᠤᠨ ᠲᠠᠯ᠎ᠠ᠎ᠠᠴᠠ ᠠᠪᠴᠤ ᠬᠡᠯᠡᠪᠡᠯ᠂ 2015 ᠣᠨ᠎ᠳᠤ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ 《ᠳᠡᠭᠡᠳᠦ ᠬᠤᠷᠲᠤ ᠵᠢᠨ ᠥᠷᠭᠡᠨ ᠪᠦᠰᠡᠲᠦ ᠰᠦᠯᠵᠢᠶᠡᠨ᠎ᠤ ᠪᠠᠶ᠋ᠢᠭᠤᠯᠤᠯᠲᠠ ᠵᠢ ᠲᠦᠷᠭᠡᠳᠬᠡᠨ ᠰᠦᠯᠵᠢᠶᠡᠨ᠎ᠤ ᠬᠤᠷᠳᠤᠴᠠ ᠵᠢ ᠨᠡᠮᠡᠭᠳᠡᠭᠦᠯᠦᠨ ᠰᠦᠢ᠍ᠳᠬᠡᠯ ᠪᠠᠭᠤᠷᠠᠭᠤᠯᠬᠤ ᠠᠵᠢᠯ᠎ᠢ ᠲᠦᠷᠭᠡᠳᠬᠡᠬᠦ ᠲᠤᠬᠠᠶ ᠵᠢᠯᠣᠭᠣᠳᠬᠤ ᠰᠠᠨᠠᠯ》᠎ᠢ ᠨᠡᠢ᠌ᠲᠡᠯᠡᠵᠦ᠂ ᠥᠷᠭᠡᠨ ᠪᠦᠰᠡᠲᠦ ᠰᠦᠯᠵᠢᠶᠡᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠨ ᠠᠬᠢᠭᠤᠯᠵᠤ᠂ ᠰᠦᠯᠵᠢᠶᠡᠨ᠎ᠤ ᠬᠤᠷᠳᠤᠴᠠ ᠵᠢ ᠶᠡᠬᠡᠪᠡᠷ ᠳᠡᠭᠡᠭᠰᠢᠯᠡᠭᠦᠯᠬᠦ᠎ᠪᠠᠷ ᠱᠠᠭ᠋ᠠᠷᠳᠠᠪᠠ᠃
ᠬᠣᠶᠠᠷ᠎ᠲᠤ ᠥᠪᠡᠷᠲᠡᠭᠡᠨ ᠵᠠᠰᠠᠬᠤ ᠣᠷᠣᠨ᠎ᠤ ᠲᠠᠯ᠎ᠠ᠎ᠠᠴᠠ ᠠᠪᠴᠤ ᠬᠡᠯᠡᠪᠡᠯ᠂ ᠤᠢ᠍ᠢ᠍ᠷ᠎ᠠ ᠵᠢᠨ ᠬᠡᠳᠦᠨ ᠵᠢᠯ᠎ᠤᠨ ᠲᠤᠷᠰᠢ᠂ 《ᠥᠷᠭᠡᠨ ᠪᠦᠰᠡᠲᠦ ᠥᠪᠥᠷ ᠮᠣᠩᠭᠣᠯ᠎ᠤᠨ ᠬᠥᠭᠵᠢᠯᠲᠡ ᠵᠢᠨ ᠲᠥᠯᠥᠪᠵᠢᠭᠦᠯᠭᠡ》 ᠵᠢ ᠡᠬᠢᠯᠡᠭᠦᠯᠦᠨ ᠬᠡᠷᠡᠭᠵᠢᠭᠦᠯᠬᠦ ᠪᠠ ᠦᠷᠭᠦᠯᠵᠢᠯᠡᠨ ᠲᠦᠯᠬᠢᠨ ᠠᠬᠢᠭᠤᠯᠬᠤ ᠵᠢ ᠳᠠᠭ᠋ᠠᠯᠳᠤᠨ᠂ ᠮᠠᠨ᠎ᠤ ᠣᠷᠣᠨ᠎ᠤ ᠥᠷᠭᠡᠨ ᠪᠦᠰᠡᠲᠦ ᠬᠥᠭᠵᠢᠯᠲᠡ ᠵᠢᠨ ᠬᠢᠷᠢ ᠲᠦᠪᠰᠢᠨ ᠢᠯᠡᠳᠲᠡ ᠳᠡᠭᠡᠭᠰᠢᠯᠡᠭᠰᠡᠨ ᠪᠣᠯᠪᠠᠴᠤ ᠬᠥᠭᠵᠢᠭᠰᠡᠨ ᠭᠠᠵᠠᠷ ᠣᠷᠣᠨ᠎ᠲᠠᠢ ᠠᠳᠠᠯᠢᠳᠬᠠᠪᠠᠯ ᠮᠥᠨ ᠯᠡ ᠨᠡᠯᠢᠶᠡᠳ ᠶᠡᠬᠡ ᠵᠥᠷᠢᠶ᠎ᠡ᠎ᠲᠠᠢ ᠪᠠᠢ᠌ᠵᠤ᠂ ᠬᠥᠭᠵᠢᠯᠲᠡ ᠵᠢᠨ ᠬᠢᠷᠢ ᠲᠦᠪᠰᠢᠨ ᠥᠨᠳᠥᠷ ᠪᠢᠰᠢ᠂ ᠬᠤᠷ᠎ᠳᠤᠨᠢ ᠤᠳᠠᠭ᠋ᠠᠪᠲᠤᠷ᠂ ᠬᠤᠳᠠ ᠬᠥᠳᠡᠭᠡ ᠵᠢᠨ ᠮᠡᠳᠡᠭᠡ ᠵᠠᠩᠭᠢ ᠵᠢᠨ ᠬᠥᠭᠵᠢᠯᠲᠡ ᠲᠡᠩᠴᠡᠭᠦᠷᠢ ᠦᠭᠡᠢ᠂ ᠦᠢ᠍ᠯᠡᠴᠢᠯᠡᠭᠡᠨ᠎ᠤ ᠶᠠᠰᠤ ᠴᠢᠨᠠᠷ᠎ᠢ ᠰᠠᠶ᠋ᠢᠵᠢᠷᠠᠭᠤᠯᠬᠤ ᠴᠢᠬᠤᠯᠠᠲᠠᠶ ᠪᠠᠢ᠌ᠭᠰᠠᠭ᠋ᠠᠷ᠂ ᠮᠠᠨ᠎ᠤ ᠣᠷᠣᠨ᠎ᠤ ᠥᠷᠭᠡᠨ ᠪᠦᠰᠡᠲᠦ ᠰᠦᠯᠵᠢᠶᠡᠨ᠎ᠤ ᠰᠠᠭᠤᠷᠢ ᠪᠡᠯᠡᠳᠬᠡᠮᠵᠢ ᠵᠢᠨ ᠪᠦᠳᠦᠭᠡᠨ ᠪᠠᠶ᠋ᠢᠭᠤᠯᠤᠯᠲᠠ ᠵᠢᠨ ᠬᠤᠷᠳᠤ ᠵᠢ ᠲᠦᠷᠭᠡᠳᠬᠡᠬᠦ ᠵᠢᠨ ᠲᠤᠰᠠᠳᠠ ᠡᠨᠡᠬᠦ ᠰᠠᠨᠠᠯ᠎ᠢ ᠨᠡᠢ᠌ᠲᠡᠯᠡᠭᠰᠡᠨ ᠪᠠᠢ᠌ᠨ᠎ᠠ᠃
ᠬᠥᠲᠥᠯᠥᠭᠴᠢ᠄
ᠡᠨᠡ ᠬᠦ᠌ 《ᠰᠠᠨᠠᠯ》᠎ᠢ ᠨᠡᠢ᠌ᠲᠡᠯᠡᠭᠰᠡᠨ ᠦᠨᠳᠦᠰᠦᠯᠡᠯ ᠪᠤᠯᠤᠨ ᠠᠭᠤᠯᠭ᠎ᠠ᠎ᠨᠢ ᠶᠠᠭᠤ ᠪᠤᠢ?
ᠰᠢᠤᠢ ᠬᠠᠶ ᠫᠢᠩ᠄
《ᠰᠠᠨᠠᠯ》᠎ᠨᠢ 《 〈ᠥᠷᠭᠡᠨ ᠪᠦᠰᠡᠲᠦ ᠳᠤᠮᠳᠠᠳᠤ ᠤᠯᠤᠰ〉᠎ᠤᠨ ᠪᠠᠶ᠋ᠢᠯᠳᠤᠬᠤ ᠪᠣᠳᠣᠯᠭ᠎ᠠ ᠵᠢᠴᠢ ᠬᠡᠷᠡᠭᠵᠢᠭᠦᠯᠬᠦ ᠲᠥᠰᠦᠯ᠎ᠤᠨ ᠲᠤᠬᠠᠶ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠮᠡᠳᠡᠭᠳᠡᠯ》 (ᠲᠥᠷᠥ ᠲᠠᠷᠬᠠᠭ᠋ᠠᠭᠰᠠᠨ [2013] 31 ᠳ᠋ᠤᠭᠡᠷ ᠲᠣᠭ᠋ᠠᠲᠤ)᠂ 《ᠳᠡᠭᠡᠳᠦ ᠬᠤᠷᠳᠤ ᠵᠢᠨ ᠥᠷᠭᠡᠨ ᠪᠦᠰᠡᠲᠦ ᠰᠦᠯᠵᠢᠶᠡᠨ᠎ᠤ ᠪᠠᠶ᠋ᠢᠭᠤᠯᠤᠯᠲᠠ ᠵᠢ ᠲᠦᠷᠭᠡᠳᠬᠡᠨ ᠰᠦᠯᠵᠢᠶᠡᠨ᠎ᠤ ᠬᠤᠷᠳᠤᠴᠠ ᠵᠢ ᠨᠡᠮᠡᠭᠳᠡᠭᠦᠯᠦᠨ ᠰᠦᠢ᠍ᠳᠬᠡᠯ᠎ᠢ ᠪᠠᠭᠤᠷᠠᠭᠤᠯᠬᠤ ᠠᠵᠢᠯ᠎ᠢ ᠲᠦᠷᠭᠡᠳᠬᠡᠬᠦ ᠲᠤᠬᠠᠶ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠵᠢᠯᠣᠭᠣᠳᠬᠤ ᠰᠠᠨᠠᠯ》 (ᠲᠥᠷᠥ ᠠᠯᠪᠠᠨ ᠲᠠᠷᠬᠠᠭ᠋ᠠᠭᠰᠠᠨ [2015] 41 ᠳ᠋ᠤᠭᠡᠷ ᠲᠣᠭ᠋ᠠᠲᠤ) ᠪᠤᠯᠤᠨ 《ᠥᠷᠭᠡᠨ ᠪᠦᠰᠡᠲᠦ ᠥᠪᠥᠷ ᠮᠣᠩᠭᠣᠯ᠎ᠤᠨ ᠬᠥᠭᠵᠢᠯᠲᠡ ᠵᠢᠨ ᠲᠥᠯᠥᠪᠵᠢᠭᠦᠯᠭᠡ》 ᠵᠡᠷᠭᠡ ᠪᠢᠴᠢᠭ ᠮᠠᠲ᠋ᠧᠷᠢᠶᠠᠯ᠎ᠤᠨ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ ᠲᠤᠭᠲᠠᠭ᠋ᠠᠵᠤ᠂ ᠭᠣᠣᠯ ᠠᠭᠤᠯᠭ᠎ᠠ᠎ᠳᠤ 《ᠰᠡᠳᠬᠢᠮᠵᠢ ᠪᠣᠯᠤᠨ ᠬᠠᠷᠠᠯᠲᠠ᠂ ᠭᠣᠣᠯ ᠡᠭᠦᠷᠭᠡ᠂ ᠪᠠᠲᠤᠯᠠᠬᠤ ᠠᠷᠭ᠎ᠠ ᠬᠡᠮᠵᠢᠶ᠎ᠡ》 ᠵᠡᠷᠭᠡ ᠨᠡᠢ᠍ᠢ᠍ᠳᠡ ᠭᠤᠷᠪᠠᠨ ᠬᠡᠰᠡᠭ ᠬᠤᠪᠢᠶᠠᠨ 16 ᠵᠦᠢ᠍ᠯ᠎ᠤᠨ ᠠᠭᠤᠯᠭ᠎ᠠ ᠵᠢ ᠪᠠᠭᠲᠠᠭ᠋ᠠᠪᠠ᠃
ᠬᠥᠲᠥᠯᠥᠭᠴᠢ᠄
ᠲᠡᠭᠡᠪᠡᠯ᠂ 《ᠰᠠᠨᠠᠯ》᠎ᠤᠨ ᠦᠨᠳᠦᠰᠦᠯᠡᠯ ᠪᠤᠯᠤᠨ ᠠᠭᠤᠯᠭ᠎ᠠ ᠵᠢ ᠮᠡᠳᠡᠯ᠎ᠡ᠂ ᠡᠨᠡᠬᠦ 《ᠰᠠᠨᠠᠯ》᠎ᠢ ᠶᠠᠮᠠᠷ ᠰᠡᠳᠬᠢᠮᠵᠢ᠎ᠪᠠᠷ ᠨᠠᠶ᠋ᠢᠷᠠᠭᠤᠯᠤᠨ ᠪᠢᠴᠢᠭᠰᠡᠨ ᠪᠤᠢ? ᠭᠣᠣᠯ ᠬᠠᠷᠠᠯᠲᠠᠨᠤᠭᠤᠳᠨᠢ ᠶᠠᠭᠤ ᠪᠤᠢ?
ᠰᠢᠤᠢ ᠬᠠᠶ ᠫᠢᠩ᠄
ᠪᠢᠳᠡᠨ᠎ᠤ ᠨᠠᠶ᠋ᠢᠷᠠᠭᠤᠯᠤᠨ ᠪᠢᠴᠢᠭᠰᠡᠨ ᠶᠡᠷᠦᠩᠬᠡᠶ ᠰᠡᠳᠬᠢᠮᠵᠢ ᠪᠣᠯ᠄ ᠰᠦᠯᠵᠢᠶ᠎ᠡ᠎ᠪᠠᠷ ᠤᠯᠤᠰ ᠵᠶ᠋ᠠᠨ ᠬᠦᠴᠦᠷᠭᠡᠭᠵᠢᠬᠦᠯᠬᠦ ᠪᠠᠶ᠋ᠢᠯᠳᠤᠬᠤ ᠪᠤᠳᠤᠯᠭ᠎ᠠ ᠵᠢᠨ ᠱᠠᠭ᠋ᠠᠷᠳᠠᠯᠭ᠎ᠠ ᠶᠣᠰᠣᠭ᠋ᠠᠷ᠂ ᠰᠦᠯᠵᠢᠶ᠎ᠡ᠎ᠪᠠᠷ ᠣᠷᠣᠨ ᠵᠶ᠋ᠠᠨ ᠬᠦᠴᠦᠷᠭᠡᠭᠵᠢᠬᠦᠯᠬᠦ ᠵᠢ ᠨᠠᠶ᠋ᠢᠳᠠᠪᠤᠷᠢᠵᠢᠭᠤᠯᠤᠨ᠂ ᠳᠡᠭᠡᠳᠦ ᠬᠤᠷᠳᠤ ᠵᠢᠨ ᠥᠷᠭᠡᠨ ᠪᠦᠰᠡᠲᠦ ᠰᠦᠯᠵᠢᠶ᠎ᠡ ᠵᠢᠨ ᠪᠠᠢ᠌ᠭᠤᠯᠤᠯᠲᠠ ᠵᠢ ᠲᠦᠷᠭᠡᠳᠭᠡᠵᠤ᠂ ᠰᠦᠯᠵᠢᠶᠡᠨ᠎ᠤ ᠬᠤᠷᠳᠤᠴᠠ ᠵᠢ ᠨᠡᠮᠡᠭᠳᠡᠭᠦᠯᠦᠨ ᠰᠦᠢ᠍ᠳᠬᠡᠯ ᠪᠠᠭᠤᠷᠠᠭᠤᠯᠬᠤ ᠠᠵᠢᠯ ᠵᠶ᠋ᠠᠷ ᠭᠣᠣᠯᠳᠠᠯᠭ᠎ᠠ ᠪᠤᠯᠭ᠋ᠠᠬᠤ ᠵᠢ ᠲᠦᠯᠬᠢᠨ ᠠᠬᠢᠭᠤᠯᠵᠤ᠂ ᠡᠭᠦᠯᠡᠨ ᠪᠤᠳᠤᠯᠳᠠ ᠵᠢᠨ ᠲᠤᠮᠤ ᠳ᠋ᠠᠶ᠋ᠢᠲ᠋ᠠ ᠵᠡᠷᠭᠡ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ ᠠᠵᠤ ᠦᠢ᠍ᠯᠡᠰ᠎ᠤᠨ ᠬᠥᠭᠵᠢᠯᠲᠡ ᠵᠢ ᠲᠦᠯᠬᠢᠨ ᠠᠬᠢᠭᠤᠯᠵᠤ᠂ ᠮᠡᠳᠡᠭᠡ ᠵᠠᠩᠭᠢᠵᠢᠯᠲᠠ ᠵᠢᠨ ᠬᠡᠷᠡᠭᠯᠡᠯᠲᠡ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠲᠦᠭ ᠲᠦᠮᠡᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ᠂ ᠦᠢ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠰᠢᠨ᠎ᠡ ᠪᠠᠶ᠋ᠢᠳᠠᠯ᠎ᠢ ᠪᠤᠢ ᠪᠤᠯᠭ᠋ᠠᠬᠤ ᠵᠢᠨ ᠲᠦᠯᠦᠭᠡ᠂ 《ᠢᠨᠲᠸᠷ ᠰᠦᠯᠵᠢᠶ᠎ᠡ +》 ᠰᠢᠨ᠎ᠡ ᠬᠥᠭᠵᠢᠯᠲᠡ ᠵᠢ ᠲᠦᠯᠬᠢᠨ ᠠᠬᠢᠭᠤᠯᠵᠤ᠂ ᠮᠡᠳᠡᠭᠡ ᠵᠠᠩᠭᠢ ᠵᠢᠨ ᠬᠡᠷᠡᠭᠯᠡᠭᠡ ᠵᠢᠨ ᠰᠢᠨ᠎ᠡ ᠨᠡᠮᠡᠭᠳᠡᠯ᠎ᠢ ᠠᠬᠢᠭᠤᠯᠬᠤ ᠪᠤᠯᠤᠨ᠎ᠠ᠃
ᠶᠡᠷᠦᠩᠬᠡᠶ ᠬᠠᠷᠠᠯᠲᠠ ᠪᠣᠯ᠄ 2017 ᠣᠨ ᠪᠣᠯᠬᠤ᠎ᠳᠤ᠂ ᠪᠥᠬᠥ ᠣᠷᠣᠨ᠎ᠤ ᠲᠤᠭᠤᠷᠢᠭ᠎ᠤᠨ ᠪᠠᠢ᠌ᠭᠤᠯᠤᠮᠵᠢᠲᠤ ᠬᠤᠲᠠ ᠪᠦᠬᠦᠨ᠎ᠤ ᠭᠡᠷ ᠪᠦᠯᠢ ᠵᠢ 100Mbps᠎ᠤᠨ ᠬᠡᠷᠡᠯᠯᠢᠭ ᠰᠢᠷᠬᠡᠭ ᠵᠠᠯᠭ᠋ᠠᠬᠤ ᠴᠢᠳᠠᠪᠤᠷᠢ᠎ᠲᠠᠢ ᠪᠤᠯᠭ᠋ᠠᠵᠤ᠂ ᠭᠣᠣᠯ ᠬᠤᠲᠠ ᠵᠢᠨ ᠥᠷᠭᠡᠨ ᠪᠦᠰᠡ ᠵᠢᠨ ᠬᠡᠷᠡᠭᠯᠡᠭᠴᠢ ᠵᠢᠨ ᠳᠤᠮᠳᠠᠴᠢ ᠵᠠᠯᠭ᠋ᠠᠯᠲᠠ ᠵᠢᠨ ᠬᠤᠷᠳᠤᠴᠠ ᠵᠢ 30Mbps᠎ᠠᠴᠠ ᠳᠠᠪᠠᠭᠤᠯᠵᠤ᠂ ᠭᠡᠷᠡᠯᠯᠢᠭ ᠰᠢᠷᠬᠡᠭᠲᠦ ᠰᠦᠯᠵᠢᠶ᠎ᠡ ᠵᠢ 80%᠎ᠠᠴᠠ ᠳᠡᠭᠡᠭᠰᠢᠬᠢ ᠵᠠᠰᠠᠭ ᠵᠠᠬᠢᠷᠭ᠋ᠠᠨ᠎ᠤ ᠲᠤᠰᠬᠤᠨ᠎ᠳᠤ ᠬᠦᠷᠦᠬᠦᠯᠦᠨ᠎ᠡ᠃ 2020 ᠣᠨ ᠪᠤᠯᠬᠤ᠎ᠳᠤ᠂ ᠪᠦᠬᠦ ᠣᠷᠣᠨ᠎ᠤ ᠥᠷᠭᠡᠨ ᠪᠦᠰᠡᠲᠦ ᠰᠦᠯᠵᠢᠶᠡᠨ᠎ᠤ ᠰᠠᠭᠤᠷᠢ ᠪᠡᠯᠡᠳᠭᠡᠮᠵᠢ ᠵᠢᠨ ᠬᠥᠭᠵᠢᠯᠲᠡ ᠵᠢᠨ ᠬᠢᠷᠢ ᠲᠦᠪᠰᠢᠨ᠎ᠢ ᠦᠨᠳᠦᠰᠦᠨ᠎ᠳᠡᠭᠡᠨ ᠪᠦᠬᠦ ᠤᠯᠤᠰ᠎ᠤᠨ ᠳᠤᠮᠳᠠᠴᠢ ᠲᠦᠪᠰᠢᠨ᠎ᠳᠤ ᠬᠦᠷᠦᠬᠦᠯᠵᠤ᠂ ᠳᠡᠭᠡᠳᠦ ᠬᠤᠷᠳᠤᠴᠠᠲᠤ᠂ ᠲᠦᠭᠡᠮᠡᠯ ᠣᠷᠣᠰᠢᠬᠤ᠂ ᠠᠮᠤᠷ ᠲᠦᠪᠰᠢᠨ᠂ ᠲᠡᠷᠢᠭᠦᠨ᠎ᠤ ᠥᠷᠭᠡᠨ ᠪᠦᠰᠡᠲᠦ ᠰᠦᠯᠵᠢᠶᠡᠨ᠎ᠤ ᠰᠠᠭᠤᠷᠢ ᠪᠡᠯᠡᠳᠭᠡᠮᠵᠢ ᠵᠢ ᠦᠨᠳᠦᠰᠦᠨ᠎ᠳᠡᠭᠡᠨ ᠪᠡᠶᠡᠯᠡᠬᠦᠯᠬᠦ ᠪᠤᠯᠤᠨ᠎ᠠ᠃
ᠬᠥᠲᠥᠯᠥᠭᠴᠢ᠄
ᠰᠡᠳᠬᠢᠮᠵᠢ ᠪᠣᠯᠤᠨ ᠬᠠᠷᠠᠯᠲᠠ ᠵᠢ ᠨᠢᠭᠡᠨᠲᠡ ᠲᠣᠳᠣᠷᠬᠠᠶ ᠮᠡᠳᠡᠭᠰᠡᠨ ᠪᠠᠢ᠌ᠨ᠎ᠠ᠂ ᠲᠡᠭᠡᠪᠡᠯ 《ᠰᠠᠨᠠᠯ》᠎ᠳᠤ ᠲᠣᠭᠲᠠᠭ᠋ᠠᠭᠰᠠᠨ ᠭᠣᠣᠯᠳᠠᠯᠭ᠎ᠠ᠎ᠲᠠᠢ ᠡᠭᠦᠷᠭᠡ᠎ᠨᠢ ᠶᠠᠭᠤ ᠪᠤᠢ?
ᠰᠢᠤᠢ ᠬᠠᠶ ᠫᠢᠩ᠄
ᠰᠡᠳᠬᠢᠮᠵᠢ ᠪᠤᠯᠤᠨ ᠬᠠᠷᠠᠯᠲᠠ ᠵᠢ ᠨᠠᠢ᠌ᠳᠠᠪᠤᠷᠢᠵᠢᠭᠤᠯᠬᠤ ᠪᠤᠯ ᠡᠨᠡ ᠤᠳᠠᠭ᠋ᠠᠨ᠎ᠤ 《ᠰᠠᠨᠠᠯ》᠎ᠢ ᠨᠡᠢ᠌ᠲᠡᠯᠡᠭᠰᠡᠨ ᠲᠡᠷᠢᠬᠦᠨ ᠴᠢᠬᠤᠯᠠ ᠶᠠᠪᠤᠳᠠᠯ ᠪᠤᠯᠤᠨ᠎ᠠ᠂ ᠪᠤᠳᠠᠲᠠᠢ᠎ᠪᠠᠷ ᠬᠡᠯᠡᠪᠡᠯ᠂ 8 ᠲᠠᠯ᠎ᠠ ᠵᠢᠨ ᠭᠤᠤᠯᠳᠠᠯᠭ᠎ᠠ᠎ᠲᠠᠢ ᠡᠭᠦᠷᠭᠡ ᠵᠢ ᠪᠡᠶᠡᠯᠡᠬᠦᠯᠦᠨ᠎ᠡ᠄
1 . ᠬᠤᠳᠡ ᠪᠠᠯᠭ᠋ᠠᠰᠤᠨ᠎ᠤ ᠰᠦᠯᠵᠢᠶ᠎ᠡ ᠵᠢᠨ ᠬᠡᠷᠡᠯ ᠰᠢᠷᠭᠡᠭᠵᠢᠬᠦᠯᠦᠯᠲᠡ ᠵᠢᠨ ᠦᠭᠡᠷᠡᠴᠢᠯᠡᠯᠲᠡ ᠵᠢ ᠠᠬᠢᠭᠤᠯᠤᠨ᠎ᠠ᠃ ᠵᠢᠱ᠌ᠢᠶᠡᠯᠡᠪᠡᠯ᠄ ᠰᠢᠨ᠎ᠡ᠎ᠪᠠᠷ ᠪᠠᠢ᠌ᠭᠤᠯᠤᠭᠰᠠᠨ ᠣᠷᠣᠨ ᠰᠠᠭᠤᠴᠠ ᠵᠢᠨ ᠪᠠᠷᠢᠯᠭ᠎ᠠ ᠵᠢᠨ ᠰᠦᠯᠵᠢᠶᠡᠨ᠎ᠤ ᠭᠡᠷᠡᠯᠯᠢᠭ ᠰᠢᠷᠬᠡᠭ᠎ᠢ ᠡᠷᠦᠬᠡ᠎ᠳᠤ ᠤᠷᠤᠭᠤᠯᠬᠤ ᠤᠯᠤᠰ᠎ᠤᠨ ᠪᠠᠷᠢᠮᠵᠢᠶ᠎ᠠ ᠵᠢ ᠨᠠᠶ᠋ᠢᠳᠠᠪᠤᠷᠢᠵᠢᠭᠤᠯᠵᠤ᠂ ᠬᠠᠭᠤᠴᠢᠨ ᠣᠷᠣᠨ ᠰᠠᠭᠤᠴᠠ ᠪᠤᠯᠤᠨ ᠠᠰᠠᠷ ᠪᠠᠶ᠋ᠢᠰᠢᠩᠤᠳᠲᠤ 《ᠬᠡᠷᠡᠯᠯᠢᠭᠢ ᠤᠷᠤᠭᠤᠯᠵᠤ ᠵᠡᠰᠢ ᠬᠠᠶᠠᠬᠤ》 ᠵᠢ ᠬᠡᠷᠡᠭᠵᠢᠬᠦᠯᠦᠨ᠎ᠡ᠃ 《ᠥᠷᠭᠡᠨ ᠪᠦᠰᠡᠲᠦ ᠳᠤᠮᠳᠠᠳᠤ ᠤᠯᠤᠰ》᠎ᠤᠨ ᠵᠢᠱ᠌ᠢᠶ᠎ᠡ ᠦᠵᠡᠭᠦᠯᠬᠦ ᠬᠣᠲᠠ ᠵᠢ ᠪᠦᠲᠦᠭᠡᠨ ᠪᠠᠢ᠌ᠭᠤᠯᠤᠨ᠎ᠠ᠃ ᠬᠥᠬᠡᠬᠣᠲᠠ᠂ ᠤᠷᠳᠤᠰ ᠬᠤᠳᠠ ᠨᠢᠭᠡᠨᠲᠡ 《ᠥᠷᠭᠡᠨ ᠪᠦᠰᠡᠲᠦ ᠳᠤᠮᠳᠠᠳᠤ ᠤᠯᠤᠰ》᠎ᠤᠨ ᠵᠢᠱ᠌ᠢᠶ᠎ᠡ ᠦᠵᠡᠭᠦᠯᠬᠦ ᠬᠣᠲᠠ᠎ᠪᠠᠷ ᠦᠨᠡᠯᠡᠭᠳᠡᠭᠰᠡᠨ ᠰᠠᠭᠤᠷᠢᠨ ᠳᠡᠭᠡᠷ᠎ᠡ᠂ ᠨᠡᠩ ᠠᠷᠪᠢᠨ ᠵᠢᠱ᠌ᠢᠶ᠎ᠡ ᠦᠵᠡᠭᠦᠯᠬᠦ ᠬᠣᠲᠠ ᠵᠢ ᠳᠡᠯᠭᠡᠷᠡᠭᠦᠯᠦᠨ ᠪᠠᠢ᠌ᠭᠤᠯᠤᠨ᠎ᠠ᠃
2 . ᠥᠷᠭᠡᠨ ᠪᠦᠰᠡᠲᠦ ᠰᠦᠯᠵᠢᠶ᠎ᠡ ᠵᠢᠨ ᠨᠡᠶ᠋ᠢᠳᠡᠮ ᠦᠢ᠍ᠯᠡᠴᠢᠯᠡᠭᠡᠨ᠎ᠤ ᠬᠢᠷᠢ ᠲᠦᠪᠰᠢᠨ᠎ᠢ
ᠳᠡᠭᠡᠭᠰᠢᠯᠡᠭᠦᠯᠦᠨ᠎ᠡ᠃ ᠵᠢᠱ᠌ᠢᠶᠡᠯᠡᠪᠡᠯ᠄ ᠮᠠᠯᠵᠢᠬᠤ ᠲᠠᠷᠢᠶᠠᠯᠠᠬᠤ ᠣᠷᠣᠨ᠎ᠤ ᠥᠷᠭᠡᠨ ᠪᠦᠰᠡᠲᠦ ᠰᠦᠯᠵᠢᠶᠡᠨ᠎ᠤ ᠪᠠᠶ᠋ᠢᠭᠤᠯᠤᠯᠲᠠ ᠪᠤᠯᠤᠨ ᠴᠠᠬᠢᠯᠭ᠋ᠠᠨ ᠬᠣᠯᠪᠣᠭ᠋ᠠᠨ᠎ᠤ ᠨᠡᠢ᠌ᠳᠡᠮ ᠪᠦᠷᠬᠦᠯᠲᠡ ᠵᠢᠨ ᠦᠢ᠍ᠯᠡᠴᠢᠯᠡᠭᠡᠨ᠎ᠤ ᠡᠷᠴᠢᠮ᠎ᠢ ᠴᠢᠩᠭ᠋ᠠᠷᠠᠭᠤᠯᠵᠤ᠂ ᠰᠢᠨ᠎ᠡ ᠮᠡᠷᠭᠡᠵᠢᠯ᠂ ᠰᠢᠨ᠎ᠡ ᠪᠡᠯᠡᠳᠭᠡᠮᠵᠢ ᠵᠢᠨ ᠪᠦᠷᠬᠦᠯᠲᠡ ᠵᠢ ᠨᠡᠩ ᠥᠷᠭᠡᠨ ᠪᠤᠯᠭ᠋ᠠᠬᠤ᠎ᠪᠠᠷ ᠳᠠᠮᠵᠢᠭᠤᠯᠤᠨ ᠪᠤᠢ᠍ᠢ᠍ᠳᠠ ᠪᠥᠭᠯᠡᠭᠦᠦ ᠭᠠᠵᠠᠷ ᠣᠷᠣᠨ᠎ᠤ ᠲᠣᠣᠷ ᠰᠦᠯᠵᠢᠶᠡᠨ᠎ᠤ ᠪᠥᠳᠥᠭᠡᠨ ᠪᠠᠶ᠋ᠢᠭᠤᠯᠤᠯᠲᠠ ᠵᠢᠨ ᠠᠰᠠᠭᠤᠳᠠᠯ᠎ᠢ ᠰᠢᠢ᠍ᠳᠪᠦᠷᠢᠯᠡᠬᠦ ᠵᠢ ᠵᠤᠷᠢᠭᠵᠢᠭᠤᠯᠤᠨ᠎ᠠ᠃
3 . ᠷᠠᠳᠢᠤ᠋ ᠰᠦᠯᠵᠢᠶ᠎ᠡ ᠵᠢᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃ ᠵᠢᠱ᠌ᠢᠶᠡᠯᠡᠪᠡᠯ᠄ 4G᠂ ᠬᠡᠪᠴᠢᠶᠡᠲᠦ ᠷᠠᠳᠢᠤ᠋ ᠰᠦᠯᠵᠢᠶ᠎ᠡ ᠵᠢᠨ ᠪᠠᠶ᠋ᠢᠭᠤᠯᠤᠯᠲᠠ ᠵᠢᠴᠢ ᠳᠡᠯᠭᠡᠷᠡᠭᠦᠯᠦᠯᠲᠡ ᠵᠢᠨ ᠡᠷᠴᠢᠮ᠎ᠢ ᠴᠢᠩᠭ᠋ᠠᠷᠠᠭᠤᠯᠵᠤ᠂ ᠤᠯᠠᠨ ᠨᠡᠶ᠋ᠢᠲᠡ ᠵᠢᠨ ᠲᠠᠯᠠᠪᠤᠷ᠎ᠤᠨ ᠬᠡᠪᠴᠢᠶᠡᠲᠦ ᠰᠦᠯᠵᠢᠶ᠎ᠡ (WLAN) ᠵᠢᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠪᠡᠶ᠎ᠡ ᠭᠠᠷᠤᠯ᠎ᠤᠨ ᠬᠡᠷᠡᠴᠢᠯᠡᠭᠡᠨᠤ ᠲᠣᠭᠲᠠᠴᠠ ᠵᠢ ᠪᠠᠢ᠌ᠭᠤᠯᠤᠨ᠎ᠠ᠃
4 . ᠥᠷᠭᠡᠨ ᠪᠦᠰᠡᠲᠦ ᠭᠣᠣᠯᠯᠠᠭᠴᠢ ᠰᠦᠯᠵᠢᠶᠡᠨ᠎ᠤ ᠴᠢᠳᠠᠮᠵᠢ ᠵᠢ ᠳᠡᠭᠡᠭᠰᠢᠯᠡᠭᠦᠯᠦᠨ᠎ᠡ᠃ ᠵᠢᠱ᠌ᠢᠶᠡᠯᠡᠪᠡᠯ᠄ ᠡᠷᠬᠢᠨ ᠲᠣᠭᠣᠷᠢᠨ᠎ᠤ ᠭᠠᠵᠠᠷ ᠣᠷᠣᠨ᠎ᠤ ᠬᠤᠭᠤᠷᠤᠨᠳᠤᠬᠢ ᠭᠣᠣᠯ ᠱᠤᠭᠤᠮ᠎ᠤᠨ ᠭᠡᠷᠡᠯᠯᠢᠭ ᠳᠡᠭᠡᠰᠦᠨ᠎ᠤ ᠬᠤᠯᠪᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠢᠨᠲᠸᠷ ᠰᠦᠯᠵᠢᠶᠡᠨ᠎ᠤ ᠮᠤᠵᠢ ᠵᠢᠨ ᠬᠣᠭᠣᠷᠣᠨᠳᠣᠬᠢ ᠪᠦᠰᠡ ᠵᠢᠨ ᠥᠷᠭᠡᠴᠡ ᠪᠤᠯᠤᠨ ᠬᠦᠢ᠍ᠯᠭᠡᠭᠡ ᠵᠢᠨ ᠵᠠᠯᠭ᠋ᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠵᠤ᠂ ᠰᠦᠯᠵᠢᠶ᠎ᠡ ᠵᠢᠨ ᠪᠡᠯᠡᠳᠭᠡᠯ ᠬᠡᠯᠬᠢᠶ᠎ᠡ ᠵᠢᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠲᠣᠣᠷ ᠰᠦᠯᠵᠢᠶᠡᠨ᠎ᠤ ᠪᠠᠭᠲᠠᠭ᠋ᠠᠮᠵᠢ ᠪᠤᠯᠤᠨ ᠡᠪᠳᠡᠭᠳᠡᠯᠢ ᠳᠠᠭ᠋ᠠᠭ᠋ᠠᠬᠤ ᠴᠢᠳᠠᠪᠤᠷᠢ ᠵᠢ ᠳᠡᠭᠡᠭᠰᠢᠯᠡᠭᠦᠯᠵᠤ᠂ ᠰᠦᠯᠵᠢᠶᠡᠨ ᠦᠷᠲᠡᠭᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠬᠡᠷᠡᠭᠯᠡᠭᠡᠨ᠎ᠤ ᠰᠠᠭᠤᠷᠢ ᠪᠡᠯᠡᠳᠭᠡᠮᠵᠢ ᠪᠤᠯᠤᠨ ᠭᠣᠣᠯᠯᠠᠭᠴᠢ ᠰᠦᠯᠵᠢᠶ᠎ᠡ ᠵᠢ ᠬᠠᠮᠵᠢᠯᠴᠠᠭᠤᠯᠤᠨ ᠬᠥᠭᠵᠢᠭᠦᠯᠬᠦ ᠵᠢ ᠠᠬᠢᠭᠤᠯᠤᠨ᠎ᠠ᠃
5 . ᠥᠷᠭᠡᠨ ᠪᠦᠰᠡᠲᠦ ᠲᠤᠬᠠᠶ᠋ᠢᠯᠠᠭᠰᠠᠨ ᠠᠵᠢᠯ᠎ᠤᠨ ᠬᠡᠷᠡᠭᠯᠡᠭᠡᠨ᠎ᠤ ᠰᠢᠨ᠎ᠡ ᠵᠢ ᠡᠭᠦᠳᠬᠦ ᠵᠢ ᠲᠦᠯᠬᠢᠨ ᠠᠬᠢᠭᠤᠯᠤᠨ᠎ᠠ᠃ ᠵᠢᠱ᠌ᠢᠶᠡᠯᠡᠪᠡᠯ᠄ ᠤᠶᠤᠨᠴᠢᠷ ᠭᠡᠷ ᠪᠦᠯᠢ ᠵᠢ ᠪᠠᠢ᠌ᠭᠤᠯᠬᠤ ᠵᠡᠷᠭᠡ ᠠᠵᠢᠯ᠎ᠤᠨ ᠡᠷᠴᠢᠮ᠎ᠢ ᠴᠢᠨᠭ᠌ᠭ᠋ᠠᠷᠠᠭᠤᠯᠤᠨ᠂ ᠬᠦᠷᠢᠶᠡᠯᠡᠩ ᠲᠣᠭᠣᠷᠢᠭ᠎ᠤᠨ ᠥᠷᠭᠡᠨ ᠪᠦᠰᠡ ᠵᠢᠨ ᠵᠠᠯᠭ᠋ᠠᠯᠲᠠ ᠵᠢᠨ ᠬᠢᠷᠢ ᠬᠡᠮᠵᠢᠶ᠎ᠡ᠂ ᠮᠡᠳᠡᠭᠡ ᠵᠠᠩᠭᠢ᠎ᠪᠠᠷ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ ᠵᠢᠴᠢ 《ᠭᠤᠷᠪᠠᠨ ᠰᠦᠯᠵᠢᠶ᠎ᠡ ᠵᠢᠨ ᠠᠭᠤᠰᠤᠯᠴᠠᠯ》᠎ᠢ ᠳᠡᠭᠡᠭᠰᠢᠯᠡᠭᠦᠯᠵᠦ᠂ IPTV᠂ ᠭᠠᠷ ᠤᠲᠠᠰᠤᠨ᠎ᠤ ᠲᠧᠯᠸᠢᠰ᠂ ᠤᠲᠠᠰᠤᠲᠤ ᠲᠧᠯᠸᠢᠰ᠎ᠤᠨ ᠰᠦᠯᠵᠢᠶᠡᠨ᠎ᠳᠤ ᠰᠠᠭᠤᠷᠢᠯᠠᠭᠰᠠᠨ ᠢᠨᠲᠸᠷ ᠰᠦᠯᠵᠢᠶ᠎ᠡ ᠵᠢ ᠵᠠᠯᠭ᠋ᠠᠬᠤ ᠵᠡᠷᠭᠡ ᠵᠦᠪᠰᠢᠶᠡᠷᠡᠯ᠎ᠢ ᠤᠯᠭᠤᠵᠤ᠂ ᠷᠠᠳᠢᠣ᠋ ᠨᠡᠪᠲᠡᠷᠡᠭᠦᠯᠭᠡ ᠲᠧᠯᠸᠢᠰ᠂ ᠴᠠᠬᠢᠯᠭ᠋ᠠᠨ ᠬᠣᠯᠪᠣᠭ᠋ᠠᠨ᠎ᠤ ᠲᠤᠬᠠᠶ᠋ᠢᠯᠠᠭᠰᠠᠨ ᠠᠵᠢᠯ᠎ᠢ ᠬᠣᠣᠰ ᠴᠢᠭᠯᠡᠯ ᠵᠶ᠋ᠠᠷ ᠤᠷᠤᠭᠤᠯᠤᠨ᠎ᠠ᠃
6 . ᠮᠡᠳᠡᠭᠡ ᠵᠠᠩᠭᠢ ᠴᠢᠮᠡᠭᠡ ᠬᠣᠯᠪᠣᠭ᠋ᠠᠨ᠎ᠤ ᠰᠠᠭᠤᠷᠢ ᠪᠡᠯᠡᠳᠬᠡᠮᠵᠢ ᠵᠢ ᠬᠠᠮᠲᠤ᠎ᠪᠠᠷ ᠪᠠᠶ᠋ᠢᠭᠤᠯᠤᠨ ᠬᠠᠮᠲᠤ᠎ᠪᠠᠷ ᠡᠳ᠋ᠯᠡᠬᠦ ᠵᠢ ᠲᠦᠯᠬᠢᠨ ᠠᠬᠢᠭᠤᠯᠤᠨ᠎ᠠ ᠃ ᠵᠢᠱ᠌ᠢᠶᠡᠯᠡᠪᠡᠯ᠄ ᠬᠤᠳᠠ᠂ ᠬᠥᠳᠡᠭᠡ ᠲᠣᠰᠬᠣᠨ᠎ᠤ ᠴᠠᠬᠢᠯᠭ᠋ᠠᠨ ᠬᠣᠯᠪᠣᠭ᠎ᠠ᠂ ᠷᠠᠳᠢᠤ᠋ ᠨᠡᠪᠲᠡᠷᠡᠭᠦᠯᠭᠡ ᠲᠧᠯᠸᠢᠰ᠎ᠤᠨ ᠰᠠᠭᠤᠷᠢ ᠪᠡᠯᠡᠳᠬᠡᠮᠵᠢ ᠵᠢ ᠬᠠᠮᠲᠤ᠎ᠪᠠᠷ ᠪᠠᠶ᠋ᠢᠭᠤᠯᠤᠨ ᠬᠠᠮᠲᠤ᠎ᠪᠠᠷ ᠡᠳ᠋ᠯᠡᠬᠦ ᠡᠷᠴᠢᠮ᠎ᠢ ᠴᠢᠨᠭ᠌ᠭ᠋ᠠᠷᠠᠭᠤᠯᠵᠤ᠂ ᠲᠡᠮᠦᠷ ᠰᠤᠪᠤᠷᠭ᠎ᠠ ᠡᠵᠡᠨᠭᠨᠡᠬᠦ ᠺᠣᠮᠫᠠᠨᠢ ᠵᠢᠨ ᠮᠡᠳᠡᠭᠡ ᠵᠠᠩᠭᠢ ᠴᠢᠮᠡᠭᠡ ᠬᠣᠯᠪᠣᠭ᠎ᠠ ᠵᠢᠨ ᠰᠠᠭᠤᠷᠢ ᠪᠡᠯᠡᠳᠭᠡᠮᠵᠢ ᠵᠢᠨ ᠪᠦᠳᠦᠭᠡᠨ ᠪᠠᠶ᠋ᠢᠭᠤᠯᠤᠯᠲᠠ ᠪᠤᠯᠤᠨ ᠬᠠᠮᠠᠭ᠋ᠠᠯᠠᠯᠲᠠ ᠵᠢᠨ ᠲᠠᠯ᠎ᠠ᠎ᠪᠠᠷ᠎ᠬᠢ ᠳᠠᠪᠠᠭᠤᠯᠢᠭ ᠪᠤᠯᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃
7 . ᠴᠢᠮᠡᠭᠡ ᠬᠣᠯᠪᠣᠭ᠋ᠠᠨ᠎ᠤ ᠦᠢ᠍ᠯᠡᠴᠢᠯᠡᠭᠡ ᠵᠢᠨ ᠶᠠᠰᠤ ᠴᠢᠨᠠᠷ ᠪᠤᠯᠤᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠵᠢᠱ᠌ᠢᠶᠡᠯᠡᠪᠡᠯ᠄ ᠠᠷᠠᠳ᠎ᠤᠨ ᠬᠥᠷᠥᠨᠭᠭᠡ ᠴᠠᠬᠢᠯᠭ᠋ᠠᠨ ᠬᠣᠯᠪᠣᠭ᠋ᠠᠨ᠎ᠤ ᠠᠵᠢᠯ ᠦᠢ᠍ᠯᠡᠰ᠎ᠲᠤ ᠤᠷᠤᠬᠤ ᠵᠢ ᠵᠤᠷᠢᠭᠵᠢᠭᠤᠯᠵᠤ᠂ ᠵᠠᠬ᠎ᠠ ᠳᠡᠯᠭᠡᠭᠦᠷ᠎ᠤᠨ ᠭᠠᠭᠴᠠᠭ᠋ᠠᠷ ᠡᠵᠡᠮᠰᠢᠯ᠎ᠢ ᠡᠪᠳᠡᠵᠦ᠂ ᠥᠷᠭᠡᠨ ᠪᠦᠰᠡᠲᠦ ᠰᠦᠯᠵᠢᠶ᠎ᠡ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠳᠡᠭᠡᠭᠰᠢᠯᠡᠯᠲᠡ ᠵᠢ ᠠᠬᠢᠭᠤᠯᠤᠨ᠎ᠠ᠃ ᠴᠠᠬᠢᠯᠭ᠋ᠠᠨ ᠬᠣᠯᠪᠣᠭ᠋ᠠᠨ᠎ᠤ ᠡᠵᠡᠩᠨᠡᠯᠲᠡ ᠵᠢᠨ ᠠᠵᠤ ᠠᠬᠤᠶ᠋ᠢᠯᠠᠯ᠎ᠤᠳ᠎ᠤᠨ ᠰᠦᠯᠵᠢᠶᠡᠨ᠎ᠤ ᠵᠠᠷᠤᠳᠠᠯ᠎ᠢ ᠪᠠᠭᠤᠷᠠᠭᠤᠯᠬᠤ ᠵᠢ ᠲᠦᠯᠬᠢᠨ ᠠᠬᠢᠭᠤᠯᠤᠨ᠎ᠠ᠃ 2015 ᠣᠨ᠎ᠳᠤ ᠰᠢᠯᠵᠢᠮᠡᠯ ᠳ᠋ᠠᠶ᠋ᠢᠲ᠋ᠠ ᠵᠢᠨ ᠭᠦᠢ᠍ᠯᠭᠡᠭᠡᠨ᠎ᠤ ᠶᠡᠷᠦᠩᠬᠡᠶ᠋ᠢᠯᠡᠭᠰᠡᠨ ᠨᠢᠭᠡᠴᠢ ᠦᠨ᠎ᠡ ᠵᠢ 20%᠎ᠪᠠᠷ ᠪᠠᠭᠤᠷᠠᠭᠤᠯᠵᠤ᠂ ᠲᠣᠭᠲᠠᠮᠠᠯ ᠥᠷᠭᠡᠨ ᠪᠦᠰᠡᠲᠦ ᠰᠦᠯᠵᠢᠶᠡᠨ᠎ᠤ ᠨᠢᠭᠡᠴᠢ ᠵᠢᠨ ᠪᠦᠰᠡ ᠵᠢᠨ ᠥᠷᠭᠡᠴᠡ ᠵᠢᠨ ᠳᠤᠮᠳᠠᠴᠢ ᠦᠨ᠎ᠡ ᠵᠢ 30%᠎ᠪᠠᠷ ᠪᠠᠭᠤᠷᠠᠭᠤᠯᠤᠭᠰᠠᠨᠤ ᠰᠠᠭᠤᠷᠢᠨ ᠳᠡᠭᠡᠷ᠎ᠡ᠂ ᠰᠦᠯᠵᠢᠶᠡᠨ᠎ᠤ ᠬᠤᠷᠳᠤᠴᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠰᠦᠢ᠍ᠳᠭᠡᠯ᠎ᠢ ᠪᠠᠭᠤᠷᠠᠭᠤᠯᠤᠨ᠎ᠠ᠃
8 . ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠪᠤᠯᠤᠨ ᠠᠮᠤᠷ ᠲᠦᠪᠰᠢᠨ᠎ᠤ ᠬᠠᠮᠢᠶᠠᠷᠤᠯᠲᠠ ᠡᠵᠡᠮᠳᠡᠯ᠎ᠢ ᠴᠢᠨᠭ᠌ᠭ᠋ᠠᠳᠬᠠᠨ᠎ᠠ᠃ ᠵᠢᠱ᠌ᠢᠶᠡᠯᠡᠪᠡᠯ᠄ ᠥᠷᠭᠡᠨ ᠪᠦᠰᠡ ᠵᠠᠯᠭ᠋ᠠᠬᠤ ᠦᠢ᠍ᠯᠡᠴᠢᠯᠡᠭᠡ ᠪᠤᠯᠤᠨ ᠵᠠᠷᠤᠳᠠᠯ ᠰᠦᠢ᠍ᠳᠬᠡᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠵᠤ᠂ ᠨᠡᠢ᠌ᠴᠡᠬᠦᠢ᠌ᠴᠡ ᠴᠢᠨᠠᠷ᠎ᠤᠨ ᠦᠨᠡᠯᠡᠯᠲᠡ ᠪᠤᠯᠤᠨ ᠠᠶᠤᠯ ᠲᠦᠭᠰᠢᠭᠦᠷᠢ ᠵᠢᠨ ᠦᠨᠡᠯᠡᠯᠲᠡ ᠵᠢ ᠲᠣᠭᠲᠠᠮᠠᠯ ᠬᠤᠭᠤᠴᠠᠭ᠎ᠠ᠎ᠲᠠᠢ ᠦᠷᠨᠢᠬᠦᠯᠦᠨ᠎ᠡ᠃
ᠬᠥᠲᠥᠯᠥᠭᠴᠢ᠄
《ᠰᠠᠨᠠᠯ》᠎ᠳᠠᠬᠢ ᠨᠠᠢ᠍ᠮᠠᠨ ᠲᠠᠯ᠎ᠠ ᠵᠢᠨ ᠭᠣᠣᠯᠳᠠᠯᠭ᠎ᠠ᠎ᠲᠠᠢ ᠡᠭᠦᠷᠭᠡ᠎ᠨᠢ ᠠᠭᠤᠯᠭ᠎ᠠ᠎ᠪᠠᠷ ᠪᠠᠶᠠᠯᠢᠭ᠂ ᠨᠠᠷᠢᠨ ᠪᠣᠳᠠᠲᠠᠶ᠂ ᠬᠡᠷᠡᠭᠵᠢᠭᠦᠯᠵᠦ ᠪᠣᠯᠬᠤᠶ᠋ᠢᠴᠠ ᠴᠢᠨᠠᠷ ᠵᠶ᠋ᠠᠷ ᠴᠢᠩᠭ᠎ᠠ ᠪᠠᠢ᠌ᠨ᠎ᠠ᠂ ᠭᠡᠪᠡᠴᠦ ᠡᠳᠡᠭᠡᠷ ᠡᠭᠦᠷᠭᠡ ᠵᠢ ᠦᠨᠡᠨ ᠬᠦ᠌ ᠪᠡᠶᠡᠯᠡᠭᠦᠯᠬᠦ᠎ᠳᠤ᠂ ᠪᠢᠳᠠ ᠪᠠᠰᠠ ᠶᠠᠮᠠᠷ ᠶᠠᠮᠠᠷ ᠪᠠᠲᠤᠯᠠᠭ᠎ᠠ ᠵᠢᠨ ᠠᠷᠭ᠎ᠠ ᠬᠡᠮᠵᠢᠶ᠎ᠡ ᠠᠪᠬᠤ ᠪᠤᠢ?
ᠰᠢᠤᠢ ᠬᠠᠶ ᠫᠢᠩ᠄
ᠡᠳᠡᠭᠡᠷ ᠡᠭᠦᠷᠭᠡ ᠵᠢ ᠦᠨᠡᠨ ᠬᠦ᠌ ᠪᠡᠶᠡᠯᠡᠭᠦᠯᠬᠦ ᠵᠢᠨ ᠲᠥᠯᠥᠭᠡ᠂ ᠪᠢᠳᠡ ᠬᠣᠯᠪᠣᠭᠳᠠᠯ ᠪᠥᠬᠥᠢ ᠲᠢᠩᠬᠢᠮ ᠲᠣᠪᠴᠢᠶ᠎ᠠ᠂ ᠠᠶ᠋ᠢᠮᠠᠭ ᠬᠤᠲᠠ ᠪᠣᠯᠣᠨ ᠠᠵᠤ ᠠᠬᠤᠶ᠋ᠢᠯᠠᠯ ᠵᠡᠷᠭᠡ ᠨᠢᠭᠡᠴᠡ᠎ᠠᠴᠠ ᠰᠠᠨᠠᠯ ᠰᠠᠨᠠᠭᠤᠯᠭ᠎ᠠ ᠬᠤᠷᠢᠶᠠᠬᠤ᠎ᠪᠠᠷ ᠳᠠᠮᠵᠢᠭᠤᠯᠤᠨ᠂ ᠨᠠᠷᠢᠨ ᠬᠢᠨᠠᠮᠠᠭ᠋ᠠᠶ ᠨᠣᠲᠠᠯᠠᠨ ᠡᠮᠬᠢᠯᠡᠭᠡᠳ ᠵᠢᠷᠭᠤᠭ᠋ᠠᠨ ᠲᠠᠯ᠎ᠠ ᠵᠢᠨ ᠪᠠᠲᠤᠯᠠᠭ᠎ᠠ ᠵᠢᠨ ᠠᠷᠭ᠎ᠠ ᠬᠡᠮᠵᠢᠶ᠎ᠡ ᠲᠣᠭᠲᠠᠵᠤ᠂ ᠭᠣᠣᠯᠳᠠᠯᠭ᠎ᠠ᠎ᠲᠠᠢ ᠨᠠᠢ᠍ᠮᠠᠨ ᠡᠭᠦᠷᠭᠡ ᠵᠢ ᠨᠠᠢ᠌ᠳᠠᠪᠤᠷᠢᠵᠢᠭᠤᠯᠤᠯᠲᠠ ᠵᠢ ᠦᠨᠡᠨ ᠬᠦ᠌ ᠪᠠᠲᠤᠯᠠᠭᠰᠠᠨ ᠪᠠᠢ᠌ᠨ᠎ᠠ᠃
1 . ᠬᠢᠨᠠᠨ ᠵᠥᠪᠰᠢᠶᠡᠷᠡᠬᠦ ᠶᠠᠪᠤᠴᠠ ᠵᠢ ᠤᠯᠠᠮ ᠨᠢᠭᠡ ᠠᠯᠬᠤᠮ ᠳᠦᠭᠦᠮᠴᠢᠯᠡᠨ᠎ᠡ᠃ ᠬᠣᠯᠪᠣᠭᠳᠠᠯ ᠪᠦᠬᠥᠢ ᠰᠠᠯᠠᠭ᠎ᠠ ᠮᠥᠴᠢᠷ᠎ᠢ ᠱᠠᠭ᠋ᠠᠷᠳᠠᠵᠤ ᠪᠠᠢ᠌ᠭ᠋ᠠᠳ ᠰᠦᠯᠵᠢᠶᠡᠨ᠎ᠤ ᠰᠠᠭᠤᠷᠢ ᠪᠡᠯᠡᠳᠬᠡᠮᠵᠢ ᠵᠢᠨ ᠪᠦᠳᠦᠭᠡᠨ ᠪᠠᠶ᠋ᠢᠭᠤᠯᠤᠯᠲᠠ ᠵᠢ ᠬᠢᠨᠠᠨ ᠵᠥᠪᠰᠢᠶᠡᠷᠡᠬᠦ ᠬᠤᠷᠳᠤᠴᠠ ᠵᠢ ᠲᠥᠷᠭᠡᠳᠬᠡᠨ᠎ᠡ᠃ ᠵᠢᠱ᠌ᠢᠶᠡᠯᠡᠪᠡᠯ᠄ ᠭᠤᠶᠤᠴᠢᠯᠠᠨ ᠮᠡᠳᠡᠭᠦᠯᠬᠦ ᠵᠢᠷᠤᠮ᠎ᠢ ᠲᠣᠪᠴᠢᠯᠠᠵᠤ᠂ ᠰᠦᠯᠵᠢᠶᠡᠨ ᠳᠡᠭᠡᠷᠡᠬᠢ 《ᠨᠢᠭᠡ ᠦᠷᠳᠡᠭᠡᠴᠢᠯᠡᠭᠰᠡᠨ》 ᠬᠢᠨᠠᠨ ᠵᠥᠪᠰᠢᠶᠡᠷᠡᠯ᠎ᠢ ᠪᠦᠷᠢᠨᠰᠢᠭᠦᠯᠦᠨ᠎ᠡ᠃
2 . ᠢᠵᠢ ᠪᠦᠷᠢᠳᠦᠭᠦᠯᠦᠨ ᠳᠡᠮᠵᠢᠬᠦ ᠲᠦᠷᠦ ᠵᠢᠨ ᠪᠤᠳᠤᠯᠭ᠎ᠠ ᠵᠢ ᠪᠦᠷᠢᠨᠰᠢᠭᠦᠯᠦᠨ᠎ᠡ᠃ ᠡᠨᠡ ᠬᠡᠰᠡᠭ ᠠᠭᠤᠯᠭ᠎ᠠ ᠵᠢ ᠨᠡᠯᠢᠶᠡᠳ ᠨᠠᠷᠢᠨ ᠲᠣᠳᠣᠷᠬᠠᠶ ᠲᠣᠭᠲᠠᠭ᠋ᠠᠵᠠᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠳ ᠬᠠᠮᠢᠶ᠎ᠠ ᠪᠦᠭᠦᠢ ᠲᠦᠷᠦ ᠵᠢᠨ ᠪᠤᠲᠤᠯᠭ᠎ᠠ ᠵᠢ ᠨᠠᠶ᠋ᠢᠳᠠᠪᠤᠷᠢᠵᠢᠭᠤᠯᠤᠨ᠂ ᠥᠷᠭᠡᠨ ᠪᠦᠰᠡ ᠵᠢᠨ ᠪᠦᠲᠦᠭᠡᠨ ᠪᠠᠶ᠋ᠢᠭᠤᠯᠤᠯ᠎ᠲᠠᠢ ᠢᠳᠡᠪᠬᠢᠲᠡᠶ᠎ᠪᠠᠷ ᠳᠡᠮᠵᠢᠬᠦ ᠵᠢ ᠱᠠᠭ᠋ᠠᠷᠳᠠᠪᠠ᠃ ᠵᠢᠱ᠌ᠢᠶᠡᠯᠡᠪᠡᠯ᠄ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠤᠯᠤᠰ᠎ᠤᠨ ᠪᠡᠯᠡ ᠮᠥᠩᠭᠥᠨ᠎ᠤ ᠳᠡᠮᠵᠢᠯᠭᠡ ᠵᠢ ᠢᠳᠡᠪᠬᠢᠲᠡᠶ᠎ᠪᠠᠷ ᠣᠯᠵᠤ᠂ ᠮᠠᠯᠵᠢᠬᠤ ᠲᠠᠷᠢᠶᠠᠯᠠᠬᠤ ᠣᠷᠣᠨ ᠪᠣᠯᠣᠨ ᠪᠤᠢ᠍ᠢ᠍ᠳᠠ ᠪᠥᠭᠯᠡᠭᠦᠦ ᠭᠠᠵᠠᠷ ᠣᠷᠣᠨ᠎ᠤ ᠥᠷᠭᠡᠨ ᠪᠦᠰᠡ ᠵᠢᠨ ᠰᠠᠭᠤᠷᠢ ᠪᠡᠯᠡᠳᠬᠡᠮᠵᠢ ᠵᠢᠨ ᠪᠦᠳᠦᠭᠡᠨ ᠪᠠᠶ᠋ᠢᠭᠤᠯᠤᠯᠲᠠ ᠪᠣᠯᠣᠨ ᠠᠷᠠᠴᠢᠯᠠᠨ ᠬᠠᠮᠠᠭ᠋ᠠᠯᠠᠯᠲᠠ ᠵᠢ ᠳᠡᠮᠵᠢᠬᠦ ᠡᠷᠴᠢᠮ᠎ᠢ ᠥᠷᠭᠦᠯᠵᠢᠯᠡᠨ
ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠤᠯᠤᠰ᠎ᠤᠨ ᠴᠠᠬᠢᠯᠭ᠋ᠠᠨ ᠬᠣᠯᠪᠣᠭ᠋ᠠᠨ᠎ᠤ ᠲᠦᠭᠡᠮᠡᠯ ᠦᠢ᠍ᠯᠡᠴᠢᠯᠡᠭᠡ ᠵᠢᠨ ᠨᠥᠬᠥᠪᠥᠷᠢ ᠥᠭᠬᠦ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠵᠤ᠂ ᠥᠷᠭᠡᠨ ᠪᠦᠰᠡ ᠵᠢ ᠲᠦᠭᠡᠮᠡᠯᠵᠢᠭᠦᠯᠦᠨ ᠬᠤᠷᠳᠤᠴᠠ ᠵᠢ ᠨᠡᠮᠡᠭᠳᠡᠭᠦᠯᠬᠦ ᠢᠨᠵᠧᠨᠧᠷᠢᠩ᠎ᠤᠨ ᠬᠣᠯᠪᠣᠭᠳᠠᠯ ᠪᠦᠬᠦᠢ ᠲᠥᠷᠥᠯ ᠵᠦᠢ᠍ᠯ᠎ᠢ ᠭᠣᠣᠯᠳᠠᠯᠭ᠎ᠠ᠎ᠲᠠᠢ ᠳᠡᠮᠵᠢᠨ᠎ᠡ᠃ ᠡᠯ᠎ᠡ ᠠᠶ᠋ᠢᠮᠠᠭ ᠬᠣᠲᠠ ᠥᠷᠭᠡᠨ ᠪᠦᠰᠡᠲᠦ ᠰᠦᠯᠵᠢᠶᠡᠨ᠎ᠤ ᠪᠦᠲᠦᠭᠡᠨ ᠪᠠᠶ᠋ᠢᠭᠤᠯᠤᠯᠲᠠ ᠵᠢ ᠳᠡᠮᠵᠢᠬᠦ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠨᠥᠬᠥᠴᠡᠯ᠎ᠲᠠᠢ ᠭᠠᠵᠠᠷ ᠣᠷᠣᠨ᠎ᠨᠢ ᠢᠨᠲᠸᠷ ᠰᠦᠯᠵᠢᠶᠡᠨ᠎ᠤ ᠰᠢᠨ᠎ᠡ ᠵᠢ ᠡᠭᠦᠳᠬᠦ ᠬᠦᠷᠢᠶᠡᠯᠡᠩ᠎ᠤᠨ ᠥᠷᠭᠡᠨ ᠪᠦᠰᠡᠲᠦ ᠰᠦᠯᠵᠢᠶ᠎ᠡ᠎ᠳᠤ ᠵᠣᠬᠢᠰᠲᠠᠶ ᠨᠥᠬᠥᠪᠥᠷᠢ ᠥᠭᠭᠦᠨ᠎ᠡ᠃ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ᠎ᠨᠦᠭᠦᠳ ᠥᠷᠭᠡᠨ ᠪᠦᠰᠡᠲᠦ ᠰᠦᠯᠵᠢᠶ᠎ᠡ ᠡᠵᠡᠩᠨᠡᠵᠦ ᠪᠠᠶ᠋ᠢᠭ᠎ᠠ ᠠᠵᠤ ᠠᠬᠤᠶ᠋ᠢᠯᠠᠯ ᠪᠣᠯᠣᠨ ᠲᠡᠮᠦᠷ ᠰᠤᠪᠤᠷᠭ᠎ᠠ ᠡᠵᠡᠩᠨᠡᠬᠦ ᠺᠣᠮᠫᠠᠨᠢ ᠵᠢᠨ ᠪᠠᠢ᠌ᠷᠢᠰᠢᠯ ᠵᠶ᠋ᠡᠨ ᠰᠣᠩᠭᠣᠬᠤ᠂ ᠭᠠᠵᠠᠷ ᠰᠢᠷᠣᠶ ᠲᠠᠲᠠᠪᠤᠷᠢᠯᠠᠬᠤ᠂ ᠣᠷᠴᠢᠨ ᠲᠣᠭᠤᠷᠢᠨ᠎ᠤ ᠦᠨᠡᠯᠡᠯᠲᠡ ᠬᠢᠵᠦ ᠬᠢᠨᠠᠨ ᠵᠥᠪᠰᠢᠶᠡᠷᠡᠬᠦ᠂ ᠴᠠᠬᠢᠯᠭ᠋ᠠᠨ ᠬᠡᠷᠡᠭᠯᠡᠬᠦ᠂ ᠣᠷᠣᠨ ᠰᠠᠭᠤᠴᠠ᠎ᠳᠤ ᠣᠷᠣᠬᠤ᠂ ᠪᠡᠯᠡ ᠲᠣᠬᠢᠷᠠᠭᠤᠯᠬᠤ ᠵᠡᠷᠭᠡ ᠲᠠᠯ᠎ᠠ᠎ᠪᠠᠷ ᠲᠦᠷᠦ ᠵᠢᠨ ᠪᠤᠳᠤᠯᠭ᠎ᠠ ᠵᠢᠨ ᠳᠡᠮᠵᠢᠯᠭᠡ ᠦᠵᠡᠭᠦᠯᠦᠨ᠎ᠡ᠃ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠲᠦᠷᠦ ᠵᠢᠨ ᠪᠤᠳᠤᠯᠭ᠎ᠠ ᠵᠢᠨ ᠴᠢᠨᠠᠷᠲᠠᠶ ᠰᠦᠢ᠍ᠳᠬᠡᠯ ᠬᠤᠷᠢᠶᠠᠬᠤ᠎ᠳᠤ ᠬᠠᠷᠠᠭ᠋ᠠᠯᠵᠠᠯ ᠦᠵᠡᠭᠦᠯᠬᠦ ᠪᠤᠶᠤ ᠬᠥᠩᠭᠡᠷᠡᠭᠦᠯᠵᠦ ᠬᠡᠯᠲᠦᠷᠢᠭᠦᠯᠦᠨ᠎ᠡ᠃
3 . ᠥᠷᠭᠡᠨ ᠪᠦᠰᠡᠲᠦ ᠰᠦᠯᠵᠢᠶᠡᠨ᠎ᠤ ᠪᠠᠶ᠋ᠢᠭᠤᠯᠤᠯᠲᠠ ᠵᠢᠨ ᠨᠡᠪᠲᠡᠷᠡᠭᠦᠯᠭᠡ ᠵᠢ ᠪᠠᠲᠤᠯᠠᠨ᠎ᠠ᠃ ᠬᠤᠳᠠ ᠵᠢᠨ ᠡᠯ᠎ᠡ ᠲᠦᠷᠦᠯ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠂ ᠤᠯᠠᠨ ᠨᠡᠶ᠋ᠢᠲᠡ ᠵᠢᠨ ᠲᠠᠯᠠᠪᠤᠷ ᠭᠠᠵᠠᠷ ᠪᠣᠯᠤᠨ ᠤᠯᠠᠨ ᠨᠡᠶ᠋ᠢᠲᠡ ᠵᠢᠨ ᠪᠡᠯᠡᠳᠬᠡᠮᠵᠢ ᠵᠢ ᠢᠳᠡᠪᠬᠢᠲᠡᠶ᠎ᠪᠠᠷ ᠴᠢᠯᠥᠭᠡᠲᠡᠶ ᠪᠣᠯᠭ᠋ᠠᠵᠤ᠂ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ ᠶᠠᠪᠤᠳᠠᠯ᠎ᠢ ᠴᠢᠩᠭ᠎ᠠ ᠴᠠᠭ᠋ᠠᠵᠠᠯᠠᠨ᠎ᠠ᠃ ᠵᠢᠱ᠌ᠢᠶᠡᠯᠡᠪᠡᠯ᠄ ᠣᠷᠣᠨ ᠰᠠᠭᠤᠴᠠ ᠵᠢᠨ ᠵᠢᠵᠢᠭ ᠲᠣᠭᠣᠷᠢᠭ᠂ ᠬᠤᠳᠠᠯᠳᠤᠭ᠋ᠠᠨ᠎ᠤ ᠠᠰᠠᠷ ᠵᠡᠷᠭᠡ ᠠᠷᠠᠳ᠎ᠤᠨ ᠬᠡᠷᠡᠭᠯᠡᠭᠡᠨ᠎ᠤ ᠪᠠᠷᠢᠯᠭ᠎ᠠ ᠵᠢᠨ ᠪᠠᠢ᠌ᠭᠤᠯᠤᠭᠴᠢ᠂ ᠥᠮᠴᠢᠯᠡᠭᠴᠢ ᠪᠤᠶᠤ ᠬᠠᠮᠢᠶᠠᠷᠤᠭᠴᠢ᠎ᠨᠢ ᠣᠷᠣᠨ ᠪᠦᠰᠡ ᠵᠢᠨ ᠳᠣᠲᠣᠷᠠᠬᠢ ᠢᠵᠢ ᠪᠦᠷᠢᠳᠦᠭᠦᠯᠦᠭᠰᠡᠨ ᠨᠡᠶ᠋ᠢᠲᠡ ᠵᠢᠨ ᠬᠡᠷᠡᠭᠯᠡᠭᠡᠨ᠎ᠤ ᠮᠡᠳᠡᠭᠡ ᠬᠣᠯᠪᠣᠭ᠋ᠠᠨ᠎ᠤ ᠪᠡᠯᠡᠳᠬᠡᠮᠵᠢ᠎ᠳᠤ ᠠᠳᠠᠯᠢ ᠲᠡᠭᠰᠢ ᠨᠥᠬᠥᠴᠡᠯ ᠬᠠᠩᠭ᠋ᠠᠵᠤ᠂ ᠲᠠᠯᠠᠪᠠᠢ᠎ᠳᠤ ᠣᠷᠣᠬᠤ ᠰᠦᠢ᠍ᠳᠬᠡᠯ᠂ ᠲᠡᠭᠰᠢᠬᠡᠨ ᠬᠤᠷᠢᠶᠠᠬᠤ ᠰᠦᠢ᠍ᠳᠬᠡᠯ᠂ ᠵᠣᠬᠢᠴᠠᠭᠤᠯᠬᠤ ᠰᠦᠢ᠍ᠳᠬᠡᠯ ᠵᠡᠷᠭᠡ ᠵᠦᠢ ᠪᠤᠰᠤ ᠰᠦᠢ᠍ᠳᠬᠡᠯ᠎ᠢ ᠡᠯᠳᠡᠪ ᠨᠡᠷ᠎ᠡ᠎ᠪᠠᠷ ᠬᠤᠷᠢᠶᠠᠬᠤ ᠵᠢ ᠡᠷᠡᠰ ᠴᠠᠭ᠋ᠠᠵᠠᠯᠠᠨ᠎ᠠ᠃
ᠰᠢᠤᠢ ᠬᠠᠶ ᠫᠢᠩ᠄
4 . ᠤᠬᠠᠭᠤᠯᠭ᠎ᠠ ᠬᠢᠭᠡᠳ ᠬᠠᠮᠠᠭ᠋ᠠᠯᠠᠯᠲᠠ ᠵᠢ ᠴᠢᠩᠭ᠋ᠠᠳᠬᠠᠨ᠎ᠠ᠃ ᠡᠯ᠎ᠡ ᠬᠠᠮᠢᠶ᠎ᠠ ᠪᠦᠬᠦᠢ ᠨᠢᠭᠡᠴᠡ᠎ᠨᠦᠭᠦᠳ ᠡᠯ᠎ᠡ ᠵᠦᠢ᠍ᠯ᠎ᠤᠨ ᠠᠷᠭ᠎ᠠ ᠵᠠᠮ᠎ᠢ ᠭᠦᠢ᠍ᠴᠡᠳ ᠠᠰᠢᠭᠯᠠᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠤᠬᠠᠭᠤᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠤᠨ᠎ᠠ᠃ ᠵᠢᠱ᠌ᠢᠶᠡᠯᠡᠪᠡᠯ᠄ ᠨᠡᠶ᠋ᠢᠭᠡᠮ᠎ᠤᠨ ᠶᠠᠷᠢᠶ᠎ᠠ ᠬᠡᠯᠡᠯᠴᠡᠭᠡ᠎ᠨᠢ ᠵᠥᠪ ᠵᠶ᠋ᠡᠷ ᠬᠥᠲᠥᠯᠥᠨ ᠵᠢᠯᠣᠭᠤᠳᠴᠦ ᠪᠠᠢ᠌ᠭ᠋ᠠᠳ ᠮᠡᠳᠡᠭᠡ ᠵᠠᠩᠭᠢ ᠴᠢᠮᠡᠭᠡ ᠬᠣᠯᠪᠣᠭ᠋ᠠᠨ᠎ᠤ ᠰᠠᠭᠤᠷᠢ ᠪᠡᠯᠡᠳᠬᠡᠮᠵᠢ ᠵᠢᠨ ᠪᠥᠳᠥᠭᠡᠨ ᠪᠠᠶ᠋ᠢᠭᠤᠯᠤᠯᠲᠠ ᠪᠣᠯᠣᠨ ᠬᠠᠮᠠᠭ᠋ᠠᠯᠠᠯᠲᠠ ᠵᠢ ᠳᠡᠮᠵᠢᠵᠦ᠂ ᠤᠯᠠᠨ ᠨᠡᠶ᠋ᠢᠲᠡ ᠵᠢᠨ ᠰᠠᠭᠤᠷᠢ ᠥᠷᠲᠡᠭᠡ᠂ ᠷᠠᠳᠢᠣ᠋ ᠨᠡᠪᠲᠡᠷᠡᠭᠦᠯᠭᠡ ᠲᠧᠯᠸᠢᠰ᠎ᠤᠨ ᠰᠠᠴᠣᠷᠠᠭᠤᠯᠬᠤ ᠰᠤᠪᠤᠷᠭ᠎ᠠ ᠵᠢᠨ ᠴᠠᠬᠢᠯᠭ᠋ᠠᠨ ᠰᠣᠷᠢᠨᠵᠢᠨ ᠰᠠᠴᠤᠷᠠᠯᠲᠠ ᠵᠢᠨ ᠲᠤᠬᠠᠶ ᠥᠷᠥᠭᠡᠰᠦᠭᠡᠯ ᠲᠠᠨᠢᠯᠲᠠ ᠵᠢ ᠠᠷᠢᠯᠭ᠋ᠠᠵᠤ᠂ ᠮᠡᠳᠡᠭᠡ ᠵᠠᠩᠭᠢ ᠴᠢᠮᠡᠭᠡ ᠬᠣᠯᠪᠣᠭ᠋ᠠᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ᠎ᠳᠤ ᠰᠠᠶ᠋ᠢᠨ ᠰᠠᠶ᠋ᠢᠬᠠᠨ ᠨᠡᠢ᠌ᠭᠡᠮ᠎ᠤᠨ ᠣᠷᠴᠢᠨ ᠲᠣᠭᠤᠷᠢᠨ᠎ᠢ ᠪᠣᠢ ᠪᠣᠯᠭ᠋ᠠᠨ᠎ᠠ᠃
5 . ᠴᠢᠮᠡᠭᠡ ᠬᠣᠯᠪᠣᠭ᠋ᠠᠨ᠎ᠤ ᠪᠦᠳᠤᠭᠡᠨ ᠪᠠᠶ᠋ᠢᠭᠤᠯᠤᠯᠲᠠ ᠵᠢᠨ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠎ᠠ᠃ ᠭᠡᠷᠡᠯᠯᠢᠭ ᠰᠢᠷᠬᠡᠭ᠎ᠤᠨ ᠡᠷᠦᠬᠡ᠎ᠳᠤ ᠣᠷᠣᠭᠤᠯᠬᠤ ᠤᠯᠤᠰ᠎ᠤᠨ ᠠᠯᠪᠠᠳᠠᠯᠭ᠎ᠠ ᠵᠢᠨ ᠴᠢᠨᠠᠷᠲᠠᠶ ᠬᠣᠶᠠᠷ ᠪᠠᠷᠢᠮᠵᠢᠶ᠎ᠠ ᠵᠢ ᠲᠤᠤᠱᠯᠠᠭᠤᠯᠤᠨ ᠬᠡᠷᠡᠭᠵᠢᠭᠦᠯᠬᠦ ᠡᠷᠴᠢᠮ᠎ᠢ ᠨᠡᠮᠡᠭᠳᠡᠭᠦᠯᠦᠨ᠎ᠡ᠃ ᠵᠢᠱ᠌ᠢᠶᠡᠯᠡᠪᠡᠯ᠄ ᠣᠷᠣᠨ ᠰᠠᠭᠤᠴᠠ ᠵᠢᠨ ᠪᠦᠲᠦᠭᠡᠨ ᠪᠠᠢ᠌ᠭᠤᠯᠤᠯᠲᠠ ᠵᠢᠨ ᠨᠢᠭᠡᠴᠡ᠎ᠨᠢ ᠴᠢᠮᠡᠭᠡ ᠬᠣᠯᠪᠣᠭ᠋ᠠᠨ᠎ᠤ ᠢᠵᠢ ᠪᠦᠷᠢᠳᠦᠭᠦᠯᠬᠦ ᠪᠡᠯᠡᠳᠬᠡᠮᠵᠢ ᠵᠢᠨ ᠡᠬᠢ ᠪᠠᠶᠠᠯᠢᠭ᠎ᠢ ᠤᠷᠢᠳᠴᠢᠯᠠᠨ ᠦᠯᠡᠳᠡᠭᠡᠵᠦ᠂ ᠲᠡᠭᠦᠨ᠎ᠳᠤ ᠬᠡᠷᠡᠭᠰᠡᠬᠦ ᠪᠡᠯᠡ ᠣᠷᠣᠭᠤᠯᠤᠯᠲᠠ ᠵᠢ ᠴᠢᠮᠡᠭᠡ ᠬᠣᠯᠪᠣᠭ᠋ᠠᠨ᠎ᠤ ᠡᠵᠡᠩᠨᠡᠯᠲᠡ ᠵᠢᠨ ᠠᠵᠤ ᠠᠬᠤᠶ᠋ᠢᠯᠠᠯ᠎ᠳᠤ ᠰᠢᠯᠵᠢᠭᠦᠯᠵᠦ ᠪᠣᠯᠬᠤ ᠦᠭᠡᠢ᠃ ᠴᠢᠮᠡᠭᠡ ᠬᠣᠯᠪᠣᠭ᠋ᠠᠨ᠎ᠤ ᠡᠵᠡᠩᠨᠡᠯᠲᠡ ᠵᠢᠨ ᠠᠵᠤ ᠠᠬᠤᠶ᠋ᠢᠯᠠᠯ ᠪᠠᠷᠢᠯᠭ᠎ᠠ ᠵᠢᠨ ᠶᠠᠪᠤᠴᠠ᠎ᠪᠠᠨ ᠰᠢᠯᠢᠳᠡᠭᠵᠢᠭᠦᠯᠦᠨ᠎ᠡ᠃ ᠣᠷᠣᠨ ᠰᠠᠭᠤᠴᠠ ᠵᠢᠨ ᠪᠦᠲᠦᠭᠡᠨ ᠪᠠᠢ᠌ᠭᠤᠯᠤᠯᠲᠠ ᠵᠢᠨ ᠨᠢᠭᠡᠴᠡ᠂ ᠠᠳᠠᠯ ᠠᠬᠤᠶ ᠵᠢᠨ ᠦᠢ᠍ᠯᠡᠴᠢᠯᠡᠭᠡᠨ᠎ᠤ ᠠᠵᠤ ᠠᠬᠤᠶ᠋ᠢᠯᠠᠯ ᠵᠡᠷᠭᠡ ᠨᠢᠭᠡᠴᠡ᠎ᠨᠦᠭᠦᠳ ᠴᠠᠬᠢᠯᠭ᠋ᠠᠨ ᠬᠣᠯᠪᠣᠭ᠋ᠠᠨ᠎ᠤ ᠡᠵᠡᠩᠨᠡᠯᠲᠡ ᠵᠢᠨ ᠠᠵᠤ ᠠᠬᠤᠶ᠋ᠢᠯᠠᠯ᠎ᠤᠳ᠎ᠤᠨ ᠤᠭᠰᠠᠷᠠᠨ ᠬᠡᠷᠡᠭᠯᠡᠬᠦ ᠵᠢ ᠶᠠᠮᠠᠷᠪᠠ ᠬᠡᠯᠪᠡᠷᠢ᠎ᠪᠠᠷ ᠬᠢᠵᠠᠭ᠋ᠠᠷᠯᠠᠵᠤ ᠪᠣᠯᠬᠤ ᠦᠭᠡᠢ᠃
6 . ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠰᠢᠮᠳᠠᠭᠤᠯᠤᠨ ᠪᠠᠶ᠋ᠢᠴᠠᠭ᠋ᠠᠬᠤ ᠠᠵᠢᠯ᠎ᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠥᠷᠭᠡᠨ ᠪᠦᠰᠡᠲᠦ ᠰᠦᠯᠵᠢᠶᠡᠨ᠎ᠤ ᠪᠦᠲᠦᠭᠡᠨ ᠪᠠᠢ᠌ᠭᠤᠯᠤᠯᠲᠠ ᠵᠢᠨ ᠬᠣᠯᠪᠣᠭ᠋ᠠᠲᠤ ᠬᠤᠷᠠᠯ᠎ᠤᠨ ᠠᠵᠢᠯ᠎ᠤᠨ ᠲᠣᠭᠲᠠᠴᠠ ᠵᠢ ᠪᠠᠢ᠌ᠭᠤᠯᠤᠨ᠎ᠠ᠃ ᠵᠢᠱ᠌ᠢᠶᠡᠯᠡᠪᠡᠯ᠄ ᠡᠯ᠎ᠡ ᠠᠶ᠋ᠢᠮᠠᠭ ᠬᠤᠳᠠ᠎ᠨᠤᠭᠤᠳ ᠮᠡᠳᠡᠭᠡ ᠵᠠᠩᠭᠢ ᠴᠢᠮᠡᠭᠡ ᠬᠣᠯᠪᠣᠭ᠋ᠠᠨ᠎ᠤ ᠰᠠᠭᠤᠷᠢ ᠪᠡᠯᠡᠳᠬᠡᠮᠵᠢ ᠵᠢᠨ ᠪᠦᠳᠦᠭᠡᠨ ᠪᠠᠶ᠋ᠢᠭᠤᠯᠤᠯᠲᠠ᠎ᠪᠠᠨ ᠭᠠᠵᠠᠷ ᠰᠢᠷᠣᠶ ᠵᠢ ᠠᠰᠢᠭᠯᠠᠬᠤ ᠶᠡᠷᠦᠩᠬᠡᠶ ᠲᠥᠯᠥᠪᠵᠢᠭᠦᠯᠭᠡ᠂ ᠬᠤᠳᠠ ᠬᠥᠳᠡᠭᠡ ᠵᠢᠨ ᠪᠦᠳᠦᠭᠡᠠ ᠪᠠᠶ᠋ᠢᠭᠤᠯᠤᠯᠲᠠ ᠵᠢᠨ ᠲᠥᠯᠥᠪᠵᠢᠭᠦᠯᠭᠡ᠂ ᠮᠡᠳᠡᠭᠡ ᠵᠠᠩᠭᠢᠵᠢᠯᠲᠠ ᠵᠢᠨ ᠬᠥᠭᠵᠢᠯᠲᠡ ᠵᠢᠨ ᠲᠥᠯᠥᠪᠵᠢᠭᠦᠯᠦᠯᠭᠡ ᠵᠡᠷᠭᠡ ᠬᠠᠮᠢᠶ᠎ᠠ ᠪᠦᠬᠦᠢ ᠲᠥᠯᠥᠪᠵᠢᠭᠦᠯᠭᠡ᠎ᠳᠤ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠡᠯ᠎ᠡ ᠭᠠᠵᠠᠷ ᠣᠷᠣᠨ᠎ᠤ ᠥᠷᠭᠡᠨ ᠪᠦᠰᠡᠲᠦ ᠰᠦᠯᠵᠢᠶᠡᠨ᠎ᠤ ᠪᠦᠲᠦᠭᠡᠨ ᠪᠠᠶ᠋ᠢᠭᠤᠯᠤᠯᠲᠠ ᠪᠣᠯᠣᠨ ᠰᠦᠯᠵᠢᠶᠡᠨ᠎ᠤ ᠬᠤᠷᠳᠤᠴᠠ ᠵᠢ ᠳᠡᠭᠡᠭᠰᠢᠯᠡᠭᠦᠯᠵᠦ ᠰᠦᠢ᠍ᠳᠬᠡᠯ᠎ᠢ ᠪᠠᠭᠤᠷᠠᠭᠤᠯᠬᠤ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠰᠢᠮᠳᠠᠭᠤᠯᠤᠨ ᠪᠠᠢ᠌ᠴᠠᠭ᠋ᠠᠵᠤ ᠰᠢᠯᠭ᠋ᠠᠨ ᠦᠨᠡᠯᠡᠨ᠎ᠡ᠃
ᠥᠪᠥᠷ ᠮᠣᠩᠭᠣᠯ᠎ᠤᠨ ᠮᠡᠳᠡᠭᠡ ᠵᠠᠩᠭᠢᠵᠢᠯᠲᠠ ᠵᠢᠨ ᠬᠢᠷᠢ ᠲᠥᠪᠰᠢᠨ ᠢᠯᠠᠩᠭᠤᠶ᠎ᠠ ᠥᠷᠭᠡᠨ ᠪᠦᠰᠡᠲᠦ ᠰᠦᠯᠵᠢᠶᠡᠨ᠎ᠤ ᠰᠠᠭᠤᠷᠢ ᠵᠢ ᠪᠤᠰᠤᠳ ᠮᠤᠵᠢ ᠬᠣᠲᠠ᠎ᠲᠠᠢ ᠬᠠᠷᠢᠴᠠᠭᠤᠯᠪᠠᠯ ᠪᠠᠰᠠ ᠨᠡᠯᠢᠶᠡᠳ ᠬᠣᠴᠣᠷᠤᠩᠭᠤᠶ ᠪᠠᠶ᠋ᠢᠭᠰᠠᠭ᠋ᠠᠷ᠂ ᠡᠨᠡ᠎ᠨᠢ ᠮᠠᠨ᠎ᠤ ᠨᠤᠲᠤᠭ ᠳᠡᠪᠢᠰᠬᠡᠷ ᠥᠷᠭᠡᠨ ᠠᠭᠤᠳᠠᠮ᠂ ᠳᠠᠷᠬᠠᠶ ᠪᠤᠲᠠᠷᠬᠠᠶ ᠰᠠᠭᠤᠷᠢᠰᠢᠭᠰᠠᠨ ᠵᠡᠷᠭᠡ ᠪᠤᠰᠤᠳᠴᠢ ᠬᠦᠴᠦᠨ ᠵᠦᠢ᠍ᠯ᠎ᠠᠴᠠ ᠪᠣᠯᠵᠤ ᠥᠪᠡᠷᠲᠡᠭᠡᠨ ᠵᠠᠰᠠᠬᠤ ᠣᠷᠣᠨ᠎ᠤ ᠳᠡᠭᠡᠳᠦ ᠬᠤᠷᠳᠤ ᠵᠢᠨ ᠥᠷᠭᠡᠨ ᠪᠦᠰᠡᠲᠦ ᠰᠦᠯᠵᠢᠶᠡᠨ᠎ᠤ ᠪᠠᠶ᠋ᠢᠭᠤᠯᠤᠯᠲᠠ᠎ᠳᠤ ᠮᠠᠰᠢ ᠤᠯᠠᠨ ᠬᠦᠴᠢᠷ ᠪᠡᠷᠬᠡᠰᠢᠶᠡᠯ ᠲᠤᠯᠭ᠋ᠠᠷᠠᠭᠤᠯᠪᠠ᠃ ᠭᠡᠪᠡᠴᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠵᠥᠪ ᠤᠳᠤᠷᠢᠳᠤᠯᠭ᠎ᠠ ᠳᠣᠣᠷ᠎ᠠ᠂ ᠮᠠᠨ᠎ᠤ ᠣᠷᠣᠨ᠎ᠤ ᠳᠡᠭᠡᠳᠦ ᠬᠤᠷᠲᠤ ᠵᠢᠨ ᠥᠷᠭᠡᠨ ᠪᠦᠰᠡᠲᠦ ᠰᠦᠯᠵᠢᠶᠡᠨ᠎ᠤ ᠪᠠᠶ᠋ᠢᠭᠤᠯᠤᠯᠲᠠ ᠯᠠᠪᠲᠠᠶ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠳᠡᠭᠡᠳᠦ ᠱᠠᠲᠤᠨ᠎ᠤ ᠪᠠᠭᠤᠯᠭ᠋ᠠᠭᠰᠠᠨ ᠡᠯ᠎ᠡ ᠵᠦᠢ᠍ᠯ᠎ᠤᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠦᠨ᠂ ᠮᠠᠨ᠎ᠤ ᠣᠷᠣᠨ᠎ᠤ ᠮᠡᠳᠡᠭᠡ ᠵᠠᠩᠭᠢᠵᠢᠯᠲᠠ ᠵᠢᠨ ᠡᠷᠡᠭᠦᠯ ᠵᠶ᠋ᠡᠷ ᠬᠦᠭᠵᠢᠬᠦ ᠵᠢ ᠪᠢᠳᠡ ᠪᠠᠲᠤ ᠢᠲᠡᠭᠡᠵᠦ ᠪᠠᠢ᠌ᠨ᠎ᠠ᠃
ᠬᠥᠲᠥᠯᠥᠭᠴᠢ᠄
ᠰᠢᠦᠢ ᠡᠷᠬᠢᠯᠡᠭᠴᠢ ᠵᠢᠨ ᠬᠦᠯᠢᠴᠡᠩᠭᠦᠶ ᠲᠠᠢ᠌ᠯᠤᠮᠵᠢ᠎ᠳᠤ ᠲᠤᠢ᠌ᠯ ᠵᠶ᠋ᠠᠷ ᠲᠠᠯᠠᠷᠬᠠᠵᠤ ᠪᠠᠢ᠌ᠨ᠎ᠠ᠃ ᠲᠣᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠵᠠᠪᠰᠠᠷᠯᠠᠶ᠎ᠠ᠂ ᠳᠠᠷᠠᠭ᠋ᠠᠴᠢ ᠵᠢᠨ ᠫᠷᠤᠭ᠌ᠷᠠᠮ᠎ᠳᠤ ᠪᠠᠶᠠᠷᠲᠠᠢ᠌ᠬᠠᠨ ᠠᠭᠤᠯᠵᠠᠶ᠎ᠠ!