
ᠰᠤᠷᠪᠤᠯᠵᠢᠯᠠᠭᠰᠠᠨ ᠴᠠᠭ᠄
2016 ᠤᠨ᠎ᠤ 7 ᠳ᠋ᠤᠭ᠋ᠠᠷ ᠰᠠᠷ᠎ᠠ ᠵᠢᠨ 19᠎ᠤ ᠡᠳᠦᠷ᠎ᠤᠨ ᠦᠳᠡ ᠵᠢᠨ ᠡᠮᠦᠨᠡᠬᠢ 10 ᠴᠠᠭ
ᠰᠤᠷᠪᠤᠯᠵᠢᠯᠠᠭᠰᠠᠨ ᠵᠤᠴᠢᠨ᠄
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠸ ᠱᠸᠨᠭ
ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
ᠮᠠᠨ᠎ᠤ ᠤᠯᠤᠰ ᠪᠣᠯ ᠨᠢᠭᠡᠨ ᠤᠯᠠᠨ ᠦᠨᠳᠦᠰᠦᠲᠡᠨ᠎ᠲᠠᠢ ᠤᠯᠤᠰ ᠮᠥᠨ᠂ ᠤᠯᠠᠨ ᠦᠨᠳᠦᠰᠦᠲᠡᠨ᠎ᠲᠠᠢ ᠤᠯᠤᠰ᠎ᠤᠨ ᠦᠨᠳᠦᠰᠦᠨ ᠪᠠᠶ᠋ᠢᠳᠠᠯ᠎ᠨᠢ ᠦᠨᠳᠦᠰᠦᠲᠡᠨ᠎ᠤ ᠠᠵᠢᠯ᠎ᠤᠨ ᠳᠤᠮᠳᠠᠬᠢ ᠠᠷᠠᠳ ᠢᠷᠬᠡᠨ᠎ᠤ ᠦᠨᠳᠦᠰᠦᠲᠡᠨ᠎ᠤ ᠪᠦᠷᠢᠯᠳᠦᠬᠦᠨ᠎ᠢ ᠲᠡᠮᠳᠡᠭᠯᠡᠨ ᠬᠠᠮᠢᠶᠠᠷᠬᠤ ᠠᠵᠢᠯ᠎ᠤᠨ ᠴᠢᠬᠤᠯᠠ ᠪᠠᠶ᠋ᠢᠷᠢ ᠰᠠᠭᠤᠷᠢ ᠪᠤᠯᠤᠨ ᠦᠢ᠍ᠯᠡᠳᠦᠯ᠎ᠢ ᠲᠤᠭᠲᠠᠭ᠋ᠠᠵᠠᠢ᠂ 《ᠳᠤᠮᠳᠠᠳᠤ ᠤᠯᠤᠰ᠎ᠤᠨ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ᠎ᠢ ᠲᠡᠮᠳᠡᠭᠯᠡᠬᠦ ᠬᠠᠮᠢᠶᠠᠷᠤᠯᠲᠠ ᠵᠢᠨ ᠠᠷᠭ᠎ᠠ》 ᠵᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠮᠠᠨ᠎ᠤ ᠣᠷᠣᠨ᠎ᠤ ᠦᠨᠳᠦᠰᠦᠲᠡᠨ᠎ᠤ ᠪᠦᠷᠢᠯᠳᠦᠬᠦᠨ᠎ᠢ ᠲᠡᠮᠳᠡᠭᠯᠡᠬᠦ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠵᠢᠨ ᠲᠤᠯᠠᠳᠠ᠂ ᠮᠠᠨ᠎ᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ᠎ᠢ ᠲᠡᠮᠳᠡᠭᠯᠡᠬᠦ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ》 ᠵᠢ ᠲᠤᠭᠤᠷᠪᠢᠨ ᠲᠤᠭᠲᠠᠭ᠋ᠠᠭᠰᠠᠨᠤ ᠬᠠᠮᠲᠤ᠂ ᠡᠨᠡ ᠵᠢᠯ᠎ᠤᠨ 2 ᠳ᠋ᠤᠭ᠋ᠠᠷ ᠰᠠᠷ᠎ᠠ ᠵᠢᠨ 4᠎ᠤ ᠡᠳᠦᠷ ᠳᠠᠷᠤᠮᠠᠯᠯᠠᠨ ᠲᠠᠷᠬᠠᠭ᠋ᠠᠵᠤ ᠬᠡᠷᠡᠭᠵᠢᠬᠦᠯᠪᠡ᠃ ᠤᠢ᠌ᠷ᠎ᠠ᠎ᠳᠤ ᠪᠢᠳᠡ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠸ ᠱᠸᠨᠭᠢ ᠤᠷᠢᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ᠎ᠢ ᠲᠡᠮᠳᠡᠭᠯᠡᠬᠦ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ》 ᠵᠢᠨ ᠲᠤᠬᠠᠢ ᠣᠯᠠᠨ᠎ᠳᠤ ᠨᠠᠷᠢᠨ ᠲᠠᠶ᠋ᠢᠯᠤᠮᠵᠢ ᠬᠢᠯᠭᠡᠬᠦ ᠪᠤᠯᠤᠨ᠎ᠠ᠂ ᠥᠷᠭᠡᠨ ᠣᠯᠠᠨ ᠰᠦᠯᠵᠢᠶᠡᠨ ᠠᠨᠳᠠ ᠨᠠᠷ᠎ᠤᠨ ᠢᠳᠡᠪᠬᠢᠲᠡᠶ ᠣᠷᠣᠯᠴᠠᠬᠤ ᠵᠢ ᠪᠠᠶᠠᠷᠯᠠᠨ ᠤᠭᠲᠤᠶ᠎ᠠ!
ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ
ᠬᠥᠲᠥᠯᠥᠭᠴᠢ᠄
ᠰᠦᠯᠵᠢᠶᠡᠨ ᠠᠨᠳᠠ ᠨᠠᠷ ᠰᠠᠢ᠍ᠢ᠍ᠨ ᠪᠠᠢ᠌ᠵᠠᠭ᠋ᠠᠨ᠎ᠠ ᠤᠤ! ᠲᠤᠰ ᠬᠤᠭᠤᠴᠠᠭ᠋ᠠᠨ᠎ᠤ 《ᠳᠤᠮᠳᠠᠳᠤ ᠤᠯᠤᠰ ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢᠨ ᠪᠤᠯᠤᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠶ᠎ᠠ! ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠸ ᠱᠸᠨᠭᠢ ᠤᠷᠢᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ᠎ᠢ ᠲᠡᠮᠳᠡᠭᠯᠡᠬᠦ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ》 ᠵᠢᠨ ᠲᠤᠬᠠᠢ ᠣᠯᠠᠨ᠎ᠳᠤ ᠨᠠᠷᠢᠨ ᠲᠠᠶ᠋ᠢᠯᠪᠤᠷᠢᠯᠠᠯᠲᠠ ᠬᠢᠬᠦ᠎ᠪᠠᠷ ᠪᠠᠶ᠋ᠢᠨ᠎ᠠ᠃ ᠶᠦᠨ ᠡᠷᠬᠢᠯᠡᠭᠴᠢ ᠡ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
ᠶᠦᠨ ᠭᠦᠸᠸ ᠱᠸᠨᠭ᠄
ᠬᠥᠲᠥᠯᠥᠭᠴᠢ ᠰᠠᠢ᠍ᠢ᠍ᠨ ᠤᠤ᠂ ᠰᠦᠯᠵᠢᠶᠡᠨ ᠠᠨᠳᠠ ᠨᠠᠷ ᠰᠠᠢ᠍ᠢ᠍ᠨ ᠪᠠᠢ᠌ᠵᠠᠭ᠋ᠠᠨ᠎ᠠ ᠤᠤ! ᠥᠨᠥᠳᠦᠷ ᠲᠠ ᠣᠯᠠᠨ᠎ᠲᠠᠢ ᠰᠦᠯᠵᠢᠶᠡᠨ ᠳᠡᠭᠡᠷ᠎ᠡ ᠶᠠᠷᠢᠯᠴᠠᠬᠤ᠎ᠪᠠᠷ ᠪᠤᠯᠤᠭᠰᠠᠨ᠎ᠳᠤ ᠰᠡᠳᠬᠢᠯ ᠮᠠᠰᠢ ᠦᠨᠳᠦᠷ ᠪᠠᠶ᠋ᠢᠨ᠎ᠠ᠃ ᠰᠦᠯᠵᠢᠶᠡᠨ ᠠᠨᠳᠠ ᠨᠠᠷ ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ᠎ᠤᠨ ᠠᠵᠢᠯ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ᠎ᠳᠤ ᠪᠠᠶᠠᠷᠯᠠᠵᠤ ᠪᠠᠢ᠌ᠨ᠎ᠠ!
ᠬᠥᠲᠥᠯᠥᠭᠴᠢ᠄
ᠮᠠᠨ᠎ᠤ ᠣᠷᠣᠨ᠎ᠤ ᠦᠨᠳᠦᠰᠦᠲᠡᠨ᠎ᠤ ᠪᠦᠷᠢᠯᠳᠦᠬᠦᠨ᠎ᠢ ᠲᠡᠮᠳᠡᠭᠯᠡᠬᠦ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠵᠢᠨ ᠲᠤᠯᠠᠳᠠ᠂ ᠮᠠᠨ᠎ᠤ ᠣᠷᠣᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ᠎ᠢ ᠲᠡᠮᠳᠡᠭᠯᠡᠬᠦ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ》 ᠵᠢ ᠲᠤᠭᠤᠷᠪᠢᠨ ᠲᠤᠭᠲᠠᠭ᠋ᠠᠭᠰᠠᠨᠤ ᠬᠠᠮᠲᠤ ᠡᠨᠡ ᠵᠢᠯ᠎ᠤᠨ 2 ᠳ᠋ᠤᠭ᠋ᠠᠷ ᠰᠠᠷ᠎ᠠ ᠵᠢᠨ 4᠎ᠤ ᠡᠳᠦᠷ ᠳᠠᠷᠤᠮᠠᠯᠯᠠᠨ ᠲᠠᠷᠬᠠᠭ᠋ᠠᠵᠤ ᠬᠡᠷᠡᠭᠵᠢᠬᠦᠯᠪᠡ᠃ ᠲᠡᠭᠡᠪᠡᠯ ᠶᠠᠭᠤᠨ᠎ᠤ ᠡᠮᠦᠨ᠎ᠡ 《ᠬᠡᠷᠡᠭᠵᠢᠭᠦᠯᠬᠦ ᠠᠷᠭ᠎ᠠ》 ᠵᠢ ᠲᠣᠭᠲᠠᠭ᠋ᠠᠭᠰᠠᠨ ᠠᠬᠤᠶ ᠪᠠᠶ᠋ᠢᠳᠠᠯ᠎ᠢ ᠶᠠᠷᠢᠭ᠋ᠠᠳ ᠦᠭᠭᠦᠨ᠎ᠡ ᠤᠤ?
ᠶᠦᠨ ᠭᠦᠸᠸ ᠱᠸᠨᠭ᠄
ᠮᠠᠨ᠎ᠤ ᠤᠯᠤᠰ ᠪᠣᠯ ᠤᠯᠠᠨ ᠦᠨᠳᠦᠰᠦᠲᠡᠨ᠎ᠲᠠᠢ ᠨᠢᠭᠡᠳᠦᠭᠰᠡᠨ ᠤᠯᠤᠰ ᠪᠤᠯᠤᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ 55 ᠦᠨᠳᠦᠰᠦᠲᠡᠨ᠎ᠲᠠᠢ᠂ ᠤᠯᠠᠨ ᠦᠨᠳᠦᠰᠦᠲᠡᠨ᠎ᠲᠠᠢ ᠤᠯᠤᠰ᠎ᠤᠨ ᠦᠨᠳᠦᠰᠦᠨ ᠪᠠᠶ᠋ᠢᠳᠠᠯ ᠪᠣᠯᠤᠨ ᠣᠷᠣᠨ᠎ᠤ ᠪᠠᠶ᠋ᠢᠳᠠᠯ᠎ᠨᠢ ᠦᠨᠳᠦᠰᠦᠲᠡᠨ᠎ᠤ ᠠᠵᠢᠯ᠎ᠤᠨ ᠳᠤᠮᠳᠠᠬᠢ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ᠎ᠢ ᠲᠡᠮᠳᠡᠭᠯᠡᠨ ᠬᠠᠮᠢᠶᠠᠷᠬᠤ ᠠᠵᠢᠯ᠎ᠤᠨ ᠴᠢᠬᠤᠯᠠ ᠪᠠᠶ᠋ᠢᠷᠢ ᠰᠠᠭᠤᠷᠢ ᠪᠤᠯᠤᠨ ᠦᠢ᠍ᠯᠡᠳᠦᠯ᠎ᠢ ᠲᠤᠭᠲᠠᠭ᠋ᠠᠪᠠ᠃ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ᠎ᠢ ᠲᠡᠮᠳᠡᠭᠯᠡᠨ ᠬᠠᠮᠢᠶᠠᠷᠬᠤ ᠠᠵᠢᠯ᠎ᠨᠢ ᠦᠨᠳᠦᠰᠦᠲᠡᠨ ᠨᠢᠭᠡᠪᠦᠷᠢ᠂ ᠠᠷᠠᠳ ᠢᠷᠭᠡᠨ ᠨᠢᠭᠡᠪᠦᠷᠢ ᠵᠢᠨ ᠬᠠᠶ᠋ᠢᠷ᠎ᠠ ᠰᠡᠳᠬᠢᠯᠭᠡ᠂ ᠪᠣᠳᠠᠲᠤ ᠡᠷᠬᠡ ᠠᠰᠢᠭᠲᠠᠢ ᠨᠢᠭᠲᠠ ᠬᠠᠷᠢᠴᠠᠭ᠎ᠠ᠎ᠲᠠᠢ ᠮᠦᠷᠲᠡᠭᠡᠨ ᠪᠠᠰᠠ ᠤᠯᠤᠰ᠎ᠤᠨ ᠤᠯᠤᠰ ᠲᠦᠷᠦ ᠵᠢᠨ ᠦᠨᠳᠦᠰᠦᠨ ᠪᠠᠶ᠋ᠢᠭᠤᠯᠤᠯ ᠪᠤᠯᠤᠨ ᠤᠯᠤᠰ ᠲᠦᠷᠦ ᠵᠢᠨ ᠦᠨᠳᠦᠰᠦᠨ ᠪᠠᠶ᠋ᠢᠭᠤᠯᠤᠯ᠎ᠲᠠᠢ ᠨᠢᠭᠲᠠ ᠬᠣᠯᠪᠣᠭ᠎ᠠ᠎ᠲᠠᠢ ᠶᠤᠮ᠂ ᠡᠭᠦᠨ᠎ᠤ ᠬᠠᠮᠲᠤ ᠪᠠᠰᠠ ᠦᠨᠳᠦᠰᠦᠲᠡᠨ᠎ᠤ ᠬᠠᠷᠢᠴᠠᠭ᠎ᠠ ᠵᠢᠨ ᠣᠳᠣᠬᠢ ᠪᠠᠶ᠋ᠢᠳᠠᠯ᠎ᠢ ᠲᠤᠰᠬᠠᠬᠤ᠂ ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢ ᠬᠡᠷᠡᠭᠵᠢᠭᠦᠯᠦᠭᠰᠡᠨ ᠦᠷ᠎ᠡ ᠳ᠋ᠦᠨᠭᠢ ᠦᠨᠡᠯᠡᠨ ᠵᠢᠱ᠌ᠢᠬᠦ᠂ ᠦᠨᠳᠦᠰᠦᠲᠡᠨ᠎ᠤ ᠠᠵᠢᠯ᠎ᠤᠨ ᠴᠢᠳᠠᠪᠤᠷᠢ ᠪᠤᠯᠤᠨ ᠠᠵᠢᠯ᠎ᠤᠨ ᠰᠤᠷᠲᠠᠯ᠎ᠢ ᠲᠤᠰᠬᠠᠬᠤ ᠴᠢᠬᠤᠯᠠ ᠠᠷᠭ᠎ᠠ ᠵᠠᠮ ᠪᠤᠯᠬᠤ ᠪᠦᠭᠡᠳ ᠨᠢᠭᠡᠨ ᠮᠠᠰᠢ ᠴᠢᠬᠤᠯᠠ ᠰᠠᠭᠤᠷᠢ ᠴᠢᠨᠠᠷᠲᠠᠶ ᠠᠵᠢᠯ ᠪᠤᠯᠤᠨ᠎ᠠ᠃ ᠡᠨᠡ ᠠᠵᠢᠯ᠎ᠢ ᠰᠠᠶ᠋ᠢᠲᠤᠷ ᠬᠢᠬᠦ᠎ᠨᠢ ᠦᠨᠳᠦᠰᠦᠲᠡᠨ᠎ᠤ ᠬᠠᠷᠢᠴᠠᠭ᠎ᠠ ᠵᠢ ᠪᠡᠬᠢᠵᠢᠭᠦᠯᠵᠦ᠂ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠢ ᠬᠥᠭᠵᠢᠭᠦᠯᠬᠦ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃
2016 ᠣᠨ᠎ᠠᠴᠠ ᠡᠮᠦᠨ᠎ᠡ᠂ ᠮᠠᠨ᠎ᠤ ᠣᠷᠣᠨ᠎ᠤ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ᠎ᠤ ᠬᠠᠮᠢᠶᠠᠷᠤᠯᠲᠠ ᠵᠢᠨ ᠠᠵᠢᠯ᠎ᠨᠢ ᠭᠤᠤᠯᠳᠠᠭᠤ 2009 ᠣᠨ᠎ᠤ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ 《ᠳᠤᠮᠳᠠᠳᠤ ᠤᠯᠤᠰ᠎ᠤᠨ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ᠎ᠢ ᠨᠤᠲᠠᠯᠠᠨ ᠲᠤᠭᠲᠠᠭ᠋ᠠᠬᠤ ᠲᠤᠬᠠᠶ ᠲᠣᠭᠲᠠᠭ᠋ᠠᠯ》 (ᠦᠨᠳᠦᠰᠦᠲᠡᠨ ᠵᠦᠪᠯᠡᠯ 〈ᠵᠠᠰᠠᠭ〉 ᠦᠰᠦᠭ [1990] 217 ᠳ᠋ᠤᠭ᠋ᠠᠷ ᠲᠣᠭ᠋ᠠᠲᠤ) ᠪᠣᠯᠤᠨ 《ᠦᠨᠳᠦᠰᠦᠲᠡᠨ᠎ᠤ ᠪᠦᠷᠢᠯᠳᠦᠬᠦᠨ᠎ᠢ ᠬᠤᠪᠢᠷᠠᠭᠤᠯᠬᠤ ᠠᠵᠢᠯ᠎ᠢ ᠴᠢᠩᠭ᠎ᠠ ᠬᠡᠷᠡᠭᠵᠢᠬᠦᠯᠬᠦ ᠬᠣᠯᠪᠣᠭᠳᠠᠯ ᠪᠦᠬᠦᠢ ᠲᠣᠭᠲᠠᠭ᠋ᠠᠯ᠎ᠤᠨ ᠲᠤᠬᠠᠶ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ᠎ᠤᠨ ᠠᠯᠪᠠᠨ ᠲᠢᠩᠬᠢᠮ᠂ ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠦᠨᠳᠦᠰᠦᠲᠡᠨ ᠠᠯᠪᠠᠨ 〈ᠤᠯᠤᠰ ᠲᠦᠷᠤ ᠬᠠᠤᠯᠢ ᠴᠠᠭ᠋ᠠᠵᠠ〉 ᠲᠠᠷᠬᠠᠭ᠋ᠠᠭᠰᠠᠨ [2009] 121 ᠳ᠋ᠦ᠍ᠭᠡᠷ ᠲᠣᠭ᠋ᠠᠲᠤ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠬᠠᠮᠲᠤ᠎ᠪᠠᠷ ᠲᠤᠭᠲᠠᠭ᠋ᠠᠨ ᠳᠠᠷᠤᠮᠠᠯᠯᠠᠨ ᠲᠠᠷᠬᠠᠭ᠋ᠠᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠳᠤᠮᠳᠠᠳᠤ ᠤᠯᠤᠰ᠎ᠤᠨ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ᠎ᠢ ᠲᠤᠭᠲᠠᠭ᠋ᠠᠬᠤ ᠲᠤᠬᠠᠶ ᠲᠣᠭᠲᠠᠭ᠋ᠠᠯ〉᠎ᠢ ᠬᠡᠷᠡᠭᠵᠢᠬᠦᠯᠬᠦ ᠠᠷᠭ᠎ᠠ》᠎ᠪᠠᠷ ᠬᠠᠮᠢᠶᠠᠷᠴᠤ ᠪᠠᠢ᠌ᠪᠠ᠃ ᠡᠨᠡ ᠬᠦ᠌ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠦᠨᠳᠦᠰᠦᠲᠡᠨ᠎ᠤ ᠬᠡᠷᠡᠭ ᠡᠷᠬᠢᠯᠡᠬᠦ ᠰᠠᠯᠠᠭ᠎ᠠ ᠮᠥᠴᠢᠷ᠎ᠤᠳ ᠡᠨᠡ ᠠᠷᠭ᠎ᠠ ᠵᠢ ᠴᠢᠩᠭ᠎ᠠ ᠵᠢᠷᠤᠮᠯᠠᠨ ᠬᠡᠷᠡᠭᠵᠢᠬᠦᠯᠦᠭᠰᠡᠨ ᠪᠠᠢ᠌ᠨ᠎ᠠ᠃
2015 ᠣᠨ᠎ᠤ 6 ᠳ᠋ᠤᠭ᠋ᠠᠷ ᠰᠠᠷ᠎ᠠ ᠵᠢᠨ 23᠎ᠤ ᠡᠳᠦᠷ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠬᠠᠮᠲᠤᠷᠠᠨ 《ᠳᠤᠮᠳᠠᠳᠤ ᠤᠯᠤᠰ᠎ᠤᠨ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ᠎ᠢ ᠲᠡᠮᠳᠡᠭᠯᠡᠬᠦ ᠬᠠᠮᠢᠶᠠᠷᠤᠯᠲᠠ ᠵᠢᠨ ᠠᠷᠭ᠎ᠠ》 (ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ ᠳᠣᠲᠣᠭ᠋ᠠᠳᠤ ᠵᠢ ᠬᠠᠮᠠᠭ᠋ᠠᠯᠠᠬᠤ ᠶᠠᠮᠤᠨ 2 ᠳ᠋ᠤᠭ᠋ᠠᠷ ᠲᠣᠭ᠋ᠠᠲᠤ ᠵᠠᠷᠯᠢᠭ) ᠵᠢ ᠳᠠᠷᠤᠮᠠᠯᠯᠠᠨ ᠲᠠᠷᠬᠠᠭ᠋ᠠᠵᠤ᠂ 2016 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠪᠡ᠃ ᠲᠤᠰ 《ᠠᠷᠭ᠎ᠠ》 ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠮᠠᠨ᠎ᠤ ᠣᠷᠣᠨ᠎ᠤ ᠦᠨᠳᠦᠰᠦᠲᠡᠨ᠎ᠤ ᠪᠦᠷᠢᠯᠳᠦᠬᠦᠨ᠎ᠢ ᠲᠡᠮᠳᠡᠭᠯᠡᠬᠦ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠵᠢᠨ ᠲᠤᠰᠠᠳᠠ᠂ ᠪᠢᠳᠡ ᠤᠯᠤᠰ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠮᠠᠨ᠎ᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ᠎ᠢ ᠲᠡᠮᠳᠡᠭᠯᠡᠬᠦ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ》 (ᠳᠣᠷᠣᠭᠰᠢ 《ᠬᠡᠷᠡᠭᠵᠢᠭᠦᠯᠬᠦ ᠠᠷᠭ᠎ᠠ》 ᠭᠡᠵᠦ ᠲᠣᠪᠴᠢᠯᠠᠨ᠎ᠠ) ᠵᠢ ᠲᠤᠭᠤᠷᠪᠢᠨ ᠲᠣᠭᠲᠠᠭ᠋ᠠᠭ᠋ᠠᠳ᠂ ᠡᠨᠡ ᠵᠢᠯ᠎ᠤᠨ 2 ᠳ᠋ᠤᠭ᠋ᠠᠷ ᠰᠠᠷ᠎ᠠ ᠵᠢᠨ 4᠎ᠤ ᠡᠳᠦᠷ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠪᠡ᠃
ᠬᠥᠲᠥᠯᠥᠭᠴᠢ᠄
ᠶᠦᠨ ᠡᠷᠬᠢᠯᠡᠭᠴᠢ ᠡ᠂ 《ᠬᠡᠷᠡᠭᠵᠢᠭᠦᠯᠬᠦ ᠠᠷᠭ᠎ᠠ》 ᠵᠢ ᠲᠤᠭᠤᠷᠪᠢᠬᠤ ᠠᠵᠢᠯ᠎ᠳᠤ ᠶᠠᠮᠠᠷ ᠦᠨᠳᠦᠰᠦᠨ ᠵᠠᠷᠴᠢᠮ᠎ᠢ ᠵᠢᠷᠤᠮᠯᠠᠭᠰᠠᠨ ᠪᠤᠢ?
ᠶᠦᠨ ᠭᠦᠸᠸ ᠱᠸᠩ᠄
ᠬᠡᠷᠡᠭᠵᠢᠭᠦᠯᠬᠦ ᠠᠷᠭ᠎ᠠ ᠵᠢ ᠲᠤᠭᠤᠷᠪᠢᠨ ᠪᠢᠴᠢᠬᠦ ᠶᠠᠪᠤᠴᠠ᠎ᠳᠤ᠂ ᠪᠢᠳᠡ ᠳᠣᠣᠷᠠᠬᠢ ᠬᠡᠳᠦᠨ ᠦᠨᠳᠦᠰᠦᠨ ᠵᠠᠷᠴᠢᠮ᠎ᠢ ᠪᠠᠷᠢᠮᠲᠠᠯᠠᠪᠠ᠄
ᠨᠢᠭᠡ᠎ᠳᠤ ᠬᠠᠤᠯᠢ᠎ᠪᠠᠷ ᠲᠣᠭᠲᠠᠭ᠋ᠠᠬᠤ ᠵᠠᠷᠴᠢᠮ᠎ᠢ ᠪᠠᠷᠢᠮᠲᠠᠯᠠᠪᠠ᠃ ᠬᠡᠷᠡᠭᠵᠢᠭᠦᠯᠬᠦ ᠠᠷᠭ᠎ᠠ᠎ᠨᠢ 《ᠳᠤᠮᠳᠠᠳᠤ ᠤᠯᠤᠰ᠎ᠤᠨ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ᠎ᠢ ᠲᠡᠮᠳᠡᠭᠯᠡᠬᠦ ᠬᠠᠮᠢᠶᠠᠷᠤᠯᠲᠠ ᠵᠢᠨ ᠠᠷᠭ᠎ᠠ》 ᠵᠢᠨ ᠲᠣᠭᠲᠠᠭ᠋ᠠᠯ᠎ᠢ ᠴᠢᠩᠭ᠎ᠠ ᠵᠢᠷᠤᠮᠯᠠᠨ ᠲᠤᠭᠤᠷᠪᠢᠵᠤ᠂ ᠵᠦᠢ᠍ᠯ ᠵᠤᠷᠪᠤᠰ᠎ᠤᠨ ᠠᠭᠤᠯᠭ᠎ᠠ ᠵᠢ ᠤᠯᠤᠰ᠎ᠤᠨ ᠦᠨᠳᠦᠰᠦᠨ ᠲᠦᠷᠦ ᠵᠢᠨ ᠪᠤᠳᠤᠯᠭ᠎ᠠ᠎ᠲᠠᠢ ᠨᠡᠢ᠌ᠴᠡᠭᠦᠯᠬᠦ ᠵᠢ ᠦᠨᠡᠨ ᠬᠦ᠌ ᠪᠠᠲᠤᠯᠠᠭᠰᠠᠨ᠎ᠤ ᠬᠠᠮᠲᠤ ᠲᠤᠭᠤᠷᠪᠢᠨ ᠪᠢᠴᠢᠬᠦ ᠳᠡᠰ ᠳᠠᠷᠠᠭ᠋ᠠᠯᠠᠯ᠎ᠢ ᠥᠪᠡᠷᠲᠡᠭᠡᠨ ᠵᠠᠰᠠᠬᠤ ᠣᠷᠣᠨ᠎ᠤ 《ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭ᠋ᠠᠬᠤ ᠪᠠ ᠲᠡᠮᠳᠡᠭᠯᠡᠭᠦᠯᠬᠦ ᠬᠢᠨᠠᠯᠲᠠ ᠲᠠᠯᠪᠢᠬᠤ ᠠᠷᠭ᠎ᠠ》 ᠵᠢᠨ ᠲᠣᠭᠲᠠᠭ᠋ᠠᠯ᠎ᠤᠨ ᠴᠤᠪᠤᠷᠠᠯ᠎ᠲᠠᠢ ᠨᠡᠢ᠌ᠴᠡᠭᠦᠯᠪᠡ᠃
ᠬᠣᠶᠠᠷ᠎ᠲᠤ ᠬᠠᠤᠯᠢ᠎ᠪᠠᠷ ᠵᠠᠰᠠᠭ ᠶᠠᠪᠤᠭᠤᠯᠬᠤ ᠵᠠᠷᠴᠢᠮ᠎ᠢ ᠪᠠᠷᠢᠮᠲᠠᠯᠠᠪᠠ᠃ ᠠᠵᠢᠯ᠎ᠤᠨ ᠴᠤᠪᠤᠷᠠᠯ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠳᠡᠰ ᠳᠠᠷᠠᠭ᠋ᠠᠯᠠᠯ᠎ᠢ ᠳᠥᠭᠥᠮᠴᠢᠯᠡᠬᠦ ᠵᠢ ᠪᠠᠷᠢᠮᠲᠠᠯᠠᠬᠤ ᠪᠠ ᠴᠢᠩᠭ᠎ᠠ ᠬᠠᠮᠢᠶᠠᠷᠬᠤ ᠵᠢ ᠪᠦᠲᠦᠮᠵᠢᠲᠡᠶ ᠲᠡᠩᠴᠡᠭᠦᠯᠵᠦ᠂ ᠬᠠᠤᠯᠢ᠎ᠪᠠᠷ ᠵᠠᠰᠠᠭ ᠶᠠᠪᠤᠭᠤᠯᠬᠤ᠂ ᠠᠷᠠᠳ᠎ᠲᠤ ᠳᠥᠭᠥᠮ ᠦᠵᠡᠭᠦᠯᠬᠦ ᠦᠢ᠍ᠯᠡᠴᠢᠯᠡᠭᠡ ᠵᠢᠨ ᠱᠠᠭ᠋ᠠᠷᠳᠠᠯᠭ᠎ᠠ ᠵᠢ ᠲᠣᠪᠣᠢ᠌ᠯᠭ᠋ᠠᠪᠠ᠃
ᠭᠤᠷᠪᠠ᠎ᠳᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠠᠷᠴᠢᠮ᠎ᠢ ᠪᠠᠷᠢᠮᠲᠠᠯᠠᠪᠠ᠃ ᠲᠣᠭᠲᠠᠮᠠᠯ ᠬᠤᠭᠤᠴᠠᠭ᠎ᠠ᠎ᠲᠠᠢ᠎ᠪᠠᠷ ᠲᠡᠮᠳᠡᠭᠯᠡᠭᠦᠯᠬᠦ᠂ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ᠂ ᠵᠠᠰᠠᠭ ᠵᠠᠬᠢᠷᠭ᠋ᠠᠨ᠎ᠤ ᠠᠪᠤᠷᠠᠨ ᠲᠤᠰᠠᠯᠠᠬᠤ ᠵᠡᠷᠭᠡ ᠠᠵᠢᠯ᠎ᠤᠨ ᠲᠣᠭᠲᠠᠴᠠ ᠵᠢ ᠪᠠᠢ᠌ᠭᠤᠯᠵᠤ᠂ ᠦᠨᠳᠦᠰᠦᠲᠡᠨ᠎ᠤ ᠪᠦᠷᠢᠯᠳᠦᠬᠦᠨ᠎ᠢ ᠲᠣᠭᠲᠠᠭ᠋ᠠᠬᠤ᠂ ᠲᠡᠮᠳᠡᠭᠯᠡᠬᠦ᠂ ᠬᠤᠪᠢᠷᠠᠭᠤᠯᠬᠤ ᠬᠣᠷᠸ᠎ᠠ ᠬᠢᠨᠠᠨ ᠬᠠᠮᠢᠶᠠᠷᠤᠯᠲᠠ ᠪᠠ ᠬᠤᠮᠬᠢ ᠬᠢᠨᠠᠨ ᠡᠵᠡᠮᠳᠡᠯ᠎ᠢ ᠴᠢᠩᠭ᠋ᠠᠳᠬᠠᠬᠤ ᠵᠢᠨ ᠲᠥᠯᠥᠭᠡ᠂ ᠨᠡᠯᠢᠶᠡᠳ ᠯᠠᠪᠳᠠᠭᠤᠨ ᠪᠠᠲᠤᠲᠠᠶ ᠲᠣᠭᠲᠠᠴᠠ ᠵᠢᠨ ᠪᠠᠲᠤᠯᠠᠭ᠎ᠠ ᠵᠢ ᠪᠠᠢ᠌ᠭᠤᠯᠪᠠ᠃
ᠲᠦᠷᠪᠡ᠎ᠳᠤ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠬᠤ ᠵᠠᠷᠴᠢᠮ᠎ᠢ ᠪᠠᠷᠢᠮᠲᠠᠯᠠᠪᠠ᠃ ᠡᠷᠬᠡ ᠣᠯᠭᠣᠭᠰᠠᠨ ᠠᠶ᠋ᠢᠮᠠᠭ ᠬᠤᠳᠠ ᠵᠢᠨ ᠬᠡᠷᠡᠭ ᠡᠷᠬᠢᠯᠡᠬᠦ ᠵᠥᠪᠯᠡᠯ (ᠦᠨᠳᠦᠰᠦᠲᠡᠨ᠎ᠤ ᠲᠣᠪᠴᠢᠶ᠎ᠠ)᠎ᠨᠢ ᠲᠤᠰ ᠭᠠᠵᠠᠷ ᠣᠷᠣᠨ᠎ᠤ᠎ᠪᠠᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ 《ᠬᠡᠷᠡᠭᠵᠢᠭᠦᠯᠬᠦ ᠠᠷᠭ᠎ᠠ》 ᠵᠢᠨ ᠦᠨᠳᠦᠰᠦᠨ ᠵᠠᠷᠴᠢᠮ ᠪᠠ ᠭᠣᠣᠯ ᠵᠦᠢ᠍ᠯ ᠵᠤᠷᠪᠤᠰ᠎ᠢ ᠵᠥᠷᠢᠴᠡᠬᠦ ᠦᠭᠡᠶ ᠪᠠᠶ᠋ᠢᠬᠤ ᠤᠷᠢᠲᠠᠯ ᠳᠣᠣᠷ᠎ᠠ ᠪᠣᠳᠠᠲᠠᠶ ᠬᠡᠷᠡᠭᠵᠢᠭᠦᠯᠬᠦ ᠨᠠᠷᠢᠨ ᠳᠦᠷᠢᠮ᠎ᠢ ᠰᠤᠳᠤᠯᠤᠨ ᠲᠣᠭᠲᠠᠭ᠋ᠠᠪᠠ᠃
ᠬᠥᠲᠥᠯᠥᠭᠴᠢ᠄
《ᠬᠡᠷᠡᠭᠵᠢᠭᠦᠯᠬᠦ ᠠᠷᠭ᠎ᠠ》 ᠵᠢᠨ ᠲᠤᠭᠤᠷᠪᠢᠬᠤ ᠠᠵᠢᠯ᠎ᠨᠢ ᠶᠠᠮᠠᠷ ᠶᠠᠮᠠᠷ ᠶᠠᠪᠤᠴᠠ ᠵᠢ ᠥᠩᠭᠡᠷᠡᠭᠡᠭᠰᠡᠨ
ᠪᠣᠢ?
ᠶᠦᠨ ᠭᠦᠸᠸ ᠱᠸᠩ᠄
ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠳᠠᠷᠤᠮᠠᠯᠯᠠᠨ ᠲᠠᠷᠬᠠᠭ᠋ᠠᠭᠰᠠᠨ 《ᠳᠤᠮᠳᠠᠳᠤ ᠤᠯᠤᠰ᠎ᠤᠨ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ᠎ᠢ ᠲᠡᠮᠳᠡᠭᠯᠡᠬᠦ ᠬᠠᠮᠢᠶᠠᠷᠤᠯᠲᠠ ᠵᠢᠨ ᠠᠷᠭ᠎ᠠ》 (ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ ᠳᠣᠲᠣᠭ᠋ᠠᠳᠤ ᠵᠢ ᠬᠠᠮᠠᠭ᠋ᠠᠯᠠᠬᠤ ᠶᠠᠮᠤᠨ 2 ᠳ᠋ᠤᠭ᠋ᠠᠷ ᠲᠣᠭ᠋ᠠᠲᠤ ᠵᠠᠷᠯᠢᠭ) ᠵᠢ ᠨᠡᠶ᠋ᠢᠲᠡᠯᠡᠨ ᠬᠡᠷᠡᠭᠵᠢᠭᠦᠯᠦᠭᠰᠡᠨ᠎ᠤ
ᠳᠠᠷᠠᠭ᠎ᠠ᠂ ᠤᠯᠤᠰ᠎ᠤᠨ ᠵᠣᠷᠢᠭ ᠰᠠᠨᠠᠭ᠎ᠠ ᠵᠢ ᠨᠡᠩ ᠰᠠᠢ᠍ᠢ᠍ᠨ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢᠨ ᠲᠤᠰᠠᠳᠠ᠂ ᠮᠠᠨ᠎ᠤ ᠵᠥᠪᠯᠡᠯ᠎ᠨᠢ ᠮᠠᠨ᠎ᠤ ᠣᠷᠣᠨ᠎ᠤ ᠪᠣᠳᠠᠲᠤ ᠪᠠᠶ᠋ᠢᠳᠠᠯ᠎ᠳᠤ ᠳᠣᠭᠢᠷᠬᠠᠰᠠᠨ 《ᠬᠡᠷᠡᠭᠵᠢᠭᠦᠯᠬᠦ ᠠᠷᠭ᠎ᠠ》 ᠵᠢ ᠲᠤᠭᠤᠷᠪᠢᠨ ᠪᠢᠴᠢᠬᠦ ᠠᠵᠢᠯ ᠵᠶ᠋ᠠᠨ ᠡᠬᠢᠯᠡᠭᠦᠯᠪᠡ᠃
ᠶᠠᠭᠤᠨ᠎ᠤ ᠡᠮᠦᠨ᠎ᠡ 2015 ᠣᠨ᠎ᠤ 10 ᠳ᠋ᠤᠭ᠋ᠠᠷ ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠎ᠲᠠᠢ ᠬᠠᠮᠲᠤᠷᠠᠨ ᠵᠣᠬᠢᠴᠠᠭᠤᠯᠬᠤ ᠬᠤᠷᠠᠯ ᠬᠢᠵᠦ᠂ ᠲᠤᠭᠤᠷᠪᠢᠨ ᠪᠢᠴᠢᠬᠦ᠎ᠠᠴᠠ ᠡᠮᠦᠨᠡᠬᠢ ᠪᠡᠯᠡᠳᠬᠡᠯ ᠠᠵᠢᠯ᠎ᠢ ᠥᠪᠡᠷᠰᠡᠳ᠎ᠤᠨ ᠠᠵᠢᠯ᠎ᠤᠨ ᠬᠦᠷᠢᠶ᠎ᠡ ᠬᠡᠪᠴᠢᠶ᠎ᠡ ᠪᠠ ᠡᠭᠦᠳᠡᠨ᠎ᠠᠴᠠ ᠭᠦᠨᠵᠡᠭᠡᠢ ᠰᠣᠯᠢᠯᠴᠠᠨ ᠶᠠᠷᠢᠯᠴᠠᠪᠠ᠂ ᠬᠤᠷᠠᠯ᠎ᠠᠴᠠ ᠮᠠᠨ᠎ᠤ ᠣᠷᠣᠨ᠎ᠤ ᠬᠡᠷᠡᠭᠵᠢᠭᠦᠯᠬᠦ ᠠᠷᠭ᠎ᠠ ᠵᠢ ᠮᠠᠨ᠎ᠤ ᠵᠥᠪᠯᠡᠯ ᠲᠦᠷᠦᠭᠦᠯᠡᠨ ᠨᠢᠭᠡᠳᠦᠯᠲᠡᠶ ᠲᠥᠯᠥᠪᠵᠢᠭᠦᠯᠦᠨ ᠲᠤᠭᠤᠷᠪᠢᠨ ᠪᠢᠴᠢᠬᠦ ᠵᠢᠨ ᠬᠠᠮᠲᠤ ᠪᠢᠴᠢᠭ ᠮᠠᠲ᠋ᠧᠷᠢᠶᠠᠯ᠎ᠳᠤ ᠰᠠᠨᠠᠯ ᠬᠤᠷᠢᠶᠠᠬᠤ᠂ ᠲᠤᠰᠬᠠᠶ ᠮᠡᠷᠭᠡᠵᠢᠯᠲᠡᠨ ᠵᠶ᠋ᠡᠷ ᠶᠠᠷᠢᠯᠴᠠᠭᠤᠯᠬᠤ ᠵᠡᠷᠭᠡ ᠠᠵᠢᠯ᠎ᠢ ᠬᠠᠷᠢᠭᠤᠴᠠᠵᠤ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠨᠢ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠤᠨ ᠠᠵᠢᠯ᠎ᠤᠨ ᠴᠤᠪᠤᠷᠠᠯ᠎ᠢ ᠲᠣᠭᠲᠠᠭ᠋ᠠᠬᠤ ᠵᠢ ᠬᠠᠷᠢᠭᠤᠴᠠᠬᠤ ᠬᠡᠷᠡᠭᠲᠡᠢ ᠭᠡᠵᠦ ᠲᠣᠭᠲᠠᠭ᠋ᠠᠪᠠ᠃
11 ᠳ᠋ᠦ᠍ᠭᠡᠷ ᠰᠠᠷ᠎ᠠ᠎ᠳᠤ᠂ ᠮᠠᠨ᠎ᠤ ᠵᠥᠪᠯᠡᠯ ᠠᠵᠢᠯᠲᠠᠨ ᠲᠣᠮᠢᠯᠠᠵᠤ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠲᠦᠷᠦ ᠵᠢᠨ ᠪᠤᠳᠤᠯᠭ᠎ᠠ ᠬᠠᠤᠯᠢ ᠲᠣᠭᠲᠠᠭ᠋ᠠᠯ᠎ᠤᠨ ᠵᠤᠷᠭ᠋ᠠᠨ᠎ᠤ ᠵᠣᠬᠢᠶᠠᠨ ᠪᠠᠢ᠌ᠭᠤᠯᠤᠭᠰᠠᠨ 《 〈ᠳᠤᠮᠳᠠᠳᠤ ᠤᠯᠤᠰ᠎ᠤᠨ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ᠎ᠢ ᠲᠡᠮᠳᠡᠭᠯᠡᠬᠦ ᠬᠠᠮᠢᠶᠠᠷᠤᠯᠲᠠ ᠵᠢᠨ ᠠᠷᠭ᠎ᠠ〉 ᠵᠢ ᠬᠡᠷᠡᠭᠵᠢᠭᠦᠯᠬᠦ ᠵᠢᠯᠤᠭᠤᠳᠤᠯᠭ᠎ᠠ ᠵᠢᠨ ᠪᠣᠯᠪᠠᠰᠤᠷᠠᠭᠤᠯᠤᠯ᠎ᠤᠨ ᠠᠨᠭ᠌ᠬᠢ》᠎ᠳᠤ ᠣᠷᠣᠯᠴᠠᠭᠤᠯᠪᠠ᠃ ᠪᠣᠯᠪᠠᠰᠤᠷᠠᠯ᠎ᠤᠨ ᠠᠩᠭᠢ᠎ᠳᠤ ᠲᠦᠷᠦ ᠵᠢᠨ ᠪᠤᠳᠤᠯᠭ᠎ᠠ ᠬᠠᠤᠯᠢ ᠲᠣᠭᠲᠠᠭ᠋ᠠᠯ᠎ᠤᠨ ᠵᠤᠷᠭ᠋ᠠᠨ᠎ᠤ ᠤᠳᠤᠷᠢᠳᠤᠯᠭ᠎ᠠ ᠪᠠ ᠲᠤᠭᠤᠷᠪᠢᠨ ᠪᠢᠴᠢᠬᠦ ᠠᠵᠢᠯᠲᠠᠨ ᠲᠤᠭᠤᠷᠪᠢᠨ ᠪᠢᠴᠢᠭᠰᠡᠨ ᠠᠬᠤᠶ ᠪᠠᠶ᠋ᠢᠳᠠᠯ ᠪᠠ ᠭᠣᠣᠯ ᠠᠭᠤᠯᠭ᠎ᠠ᠎ᠳᠤ ᠲᠠᠢ᠌ᠯᠪᠤᠷᠢᠯᠠᠯᠲᠠ ᠬᠢᠭᠰᠡᠨ ᠪᠥᠭᠡᠳ ᠵᠦᠢ᠍ᠯ ᠵᠤᠷᠪᠤᠰ᠎ᠤᠨ ᠪᠣᠳᠠᠲᠠᠶ ᠬᠡᠷᠡᠭᠯᠡᠯᠲᠡ᠎ᠳᠠᠬᠢ ᠮᠠᠳᠠᠭ᠎ᠲᠠᠢ ᠠᠰᠠᠭᠤᠳᠠᠯ᠎ᠳᠤ ᠲᠠᠢ᠌ᠯᠪᠤᠷᠢᠯᠠᠯᠲᠠ ᠬᠢᠪᠡ᠃ ᠮᠠᠨ᠎ᠤ ᠣᠷᠣᠨ᠎ᠤ ᠬᠡᠷᠡᠭᠵᠢᠭᠦᠯᠬᠦ ᠠᠷᠭ᠎ᠠ ᠵᠢ ᠲᠤᠭᠤᠷᠪᠢᠨ ᠪᠢᠴᠢᠬᠦ᠎ᠳᠤ ᠨᠡᠩ ᠨᠠᠷᠢᠨ ᠣᠨᠣᠪᠴᠢᠲᠠᠶ ᠲᠦᠷᠦ ᠵᠢᠨ ᠪᠤᠳᠤᠯᠭ᠎ᠠ ᠪᠣᠯᠤᠨ ᠣᠨᠣᠯ᠎ᠤᠨ ᠡᠰᠢ ᠪᠠᠷᠢᠮᠲᠠ ᠣᠯᠭᠣᠬᠤ ᠵᠢᠨ ᠲᠣᠰᠠᠳᠠ ᠪᠠᠰᠠ ᠪᠤᠰᠤᠳ ᠭᠠᠵᠠᠷ ᠣᠷᠣᠨ᠎ᠤ ᠲᠡᠷᠢᠭᠦᠨ᠎ᠤ ᠲᠤᠷᠰᠢᠯᠭ᠎ᠠ ᠵᠢ ᠣᠯᠵᠤ ᠰᠤᠷᠤᠯᠴᠠᠪᠠ᠃ ᠪᠣᠯᠪᠠᠰᠤᠷᠠᠯ ᠳᠠᠭᠤᠰᠤᠭᠰᠠᠨ᠎ᠤ ᠲᠠᠷᠠᠭ᠎ᠠ᠂ ᠮᠠᠨ᠎ᠤ ᠵᠥᠪᠯᠡᠯ 《ᠬᠡᠷᠡᠭᠵᠢᠭᠦᠯᠬᠦ ᠠᠷᠭ᠎ᠠ》 ᠵᠢᠨ ᠡᠬᠡ ᠨᠤᠤᠷᠠᠭ᠎ᠢ ᠲᠤᠭᠤᠷᠪᠢᠨ ᠪᠢᠴᠢᠪᠡ᠃
12 ᠳ᠋ᠤᠭ᠋ᠠᠷ ᠰᠠᠷ᠎ᠠ ᠵᠢᠨ ᠡᠬᠢ᠎ᠪᠠᠷ᠂ ᠮᠠᠨ᠎ᠤ ᠵᠥᠪᠯᠡᠯ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠨᠤᠲᠠᠯᠠᠯᠲᠠ ᠵᠢᠨ ᠬᠤᠷᠠᠯ ᠬᠢᠵᠦ᠂ 《ᠬᠡᠷᠡᠭᠵᠢᠭᠦᠯᠬᠦ ᠠᠷᠭ᠎ᠠ》 ᠵᠢᠨ ᠡᠬᠡ ᠨᠣᠣᠷᠠᠭ᠎ᠢ ᠨᠤᠲᠠᠯᠠᠵᠤ ᠰᠤᠳᠤᠯᠤᠨ ᠨᠤᠲᠠᠯᠠᠪᠠ᠃ ᠡᠬᠡ ᠨᠤᠤᠷᠠᠭᠲᠠᠬᠢ ᠬᠤᠪᠢᠷᠠᠭᠤᠯᠬᠤ ᠨᠥᠬᠥᠴᠡᠯ᠂ ᠬᠤᠪᠢᠷᠠᠭᠤᠯᠬᠤ ᠴᠤᠪᠤᠷᠠᠯ᠂ ᠭᠡᠷᠡᠴᠢ ᠮᠠᠲ᠋ᠧᠷᠢᠶᠠᠯ᠂ ᠬᠤᠪᠢᠷᠠᠭᠤᠯᠬᠤ ᠴᠠᠭ᠎ᠤᠨ ᠬᠢᠵᠠᠭ᠋ᠠᠷ ᠪᠠ ᠬᠤᠪᠢᠷᠠᠭᠤᠯᠬᠤ ᠭᠤᠶᠤᠴᠢᠯᠠᠯ᠎ᠤᠨ ᠬᠦᠰᠦᠨᠦᠭᠲᠦ ᠵᠣᠬᠢᠶᠠᠬᠤ ᠵᠡᠷᠭᠡ ᠪᠣᠳᠠᠲᠠᠶ ᠠᠭᠤᠯᠭ᠎ᠠ ᠵᠢ ᠤᠢ᠍ᠢ᠍ᠷ᠎ᠠ ᠵᠢᠨ ᠵᠢᠯ᠎ᠤᠳ᠎ᠤᠨ ᠠᠵᠢᠯ᠎ᠤᠨ ᠳᠤᠮᠳᠠ ᠭᠠᠷᠤᠭᠰᠠᠨ ᠪᠣᠳᠠᠲᠤ ᠵᠢᠱ᠌ᠢᠶᠡᠨᠦᠭᠦᠳᠲᠠᠢ ᠤᠶᠠᠯᠳᠤᠭᠤᠯᠤᠨ ᠢᠳᠡᠪᠬᠢᠲᠡᠶ᠎ᠪᠠᠷ ᠶᠠᠷᠢᠯᠴᠠᠨ ᠰᠤᠳᠤᠯᠪᠠ᠃ ᠬᠤᠷᠠᠯ᠎ᠤᠨ ᠳᠠᠷᠠᠭ᠎ᠠ᠂ ᠨᠤᠲᠠᠯᠠᠯᠲᠠ ᠵᠢᠨ ᠬᠤᠷᠠᠯ᠎ᠤᠨ ᠦᠷ᠎ᠡ ᠳ᠋ᠦᠩ᠎ᠢ ᠦᠨᠳᠦᠰᠦᠯᠡᠨ ᠡᠭᠡ ᠨᠤᠤᠷᠠᠭ᠎ᠲᠤ ᠳᠠᠬᠢᠨᠲᠠ ᠵᠠᠰᠠᠪᠤᠷᠢ
ᠣᠷᠣᠭᠤᠯᠵᠤ᠂ 《ᠬᠡᠷᠡᠭᠵᠢᠭᠦᠯᠬᠦ ᠠᠷᠭ᠎ᠠ》 ᠵᠢᠨ ᠰᠠᠨᠠᠯ ᠬᠤᠷᠢᠶᠠᠬᠤ ᠲᠥᠰᠥᠯ᠎ᠢ ᠪᠤᠶ ᠪᠣᠯᠭ᠋ᠠᠪᠠ᠃
ᠶᠦᠨ ᠭᠦᠸᠸ ᠱᠸᠩ᠄
12 ᠳ᠋ᠤᠭ᠋ᠠᠷ ᠰᠠᠷ᠎ᠠ ᠵᠢᠨ ᠳᠤᠮᠳᠠᠴᠢ᠎ᠪᠠᠷ᠂ ᠮᠠᠨ᠎ᠤ ᠵᠥᠪᠯᠡᠯ 《ᠬᠡᠷᠡᠭᠵᠢᠭᠦᠯᠬᠦ ᠠᠷᠭ᠎ᠠ》 ᠵᠢᠨ ᠰᠠᠨᠠᠯ ᠬᠤᠷᠢᠶᠠᠬᠤ ᠡᠬᠡ ᠨᠣᠣᠷᠠᠭ᠎ᠲᠤ ᠥᠪᠡᠷᠲᠡᠭᠡᠨ ᠵᠠᠰᠠᠬᠤ ᠣᠷᠣᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠰᠦᠯᠵᠢᠶᠡᠨ ᠳᠡᠭᠡᠷ᠎ᠡ ᠵᠢᠩᠬᠢᠨᠢ᠎ᠪᠠᠷ ᠨᠡᠶ᠋ᠢᠭᠡᠮ ᠨᠡᠶ᠋ᠢᠲᠡ᠎ᠠᠴᠠ ᠢᠯᠡ᠎ᠪᠠᠷ ᠰᠠᠨᠠᠯ ᠬᠤᠷᠢᠶᠠᠭᠰᠠᠨ ᠪᠥᠭᠡᠳ ᠮᠡᠳᠡᠭᠳᠡᠯ ᠪᠠᠭᠤᠯᠭ᠋ᠠᠵᠤ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠪᠦᠬᠦ ᠣᠷᠣᠨ᠎ᠤ ᠡᠯ᠎ᠡ ᠠᠶ᠋ᠢᠮᠠᠭ ᠬᠣᠲᠠ (ᠡᠷᠢᠶᠡᠨ ᠬᠤᠳᠠ᠂ ᠮᠠᠨᠵᠤᠤᠷ ᠬᠤᠳᠠ ᠪᠠᠭᠲᠠᠨ᠎ᠠ) ᠦᠨᠳᠦᠰᠦᠲᠡᠨ᠎ᠤ ᠬᠡᠷᠡᠭ ᠡᠷᠬᠢᠯᠡᠬᠥ ᠵᠥᠪᠯᠡᠯ (ᠦᠨᠳᠦᠰᠦᠲᠡᠨ᠎ᠤ ᠲᠣᠪᠴᠢᠶ᠎ᠠ)᠎ᠠᠴᠠ ᠰᠠᠨᠠᠯ ᠬᠤᠷᠢᠶᠠᠪᠠ᠃ ᠡᠯ᠎ᠡ ᠬᠣᠯᠪᠣᠭᠳᠠᠯ ᠪᠦᠬᠦᠢ ᠨᠢᠭᠡᠴᠡ ᠨᠠᠷᠢᠨ ᠲᠣᠳᠣᠷᠬᠠᠶ ᠰᠠᠨᠠᠯ ᠰᠠᠨᠠᠭᠤᠯᠭ᠎ᠠ ᠳᠤᠷᠠᠳᠤᠭᠰᠠᠨ ᠪᠠᠢ᠌ᠨ᠎ᠠ᠂ ᠪᠢᠳᠡ ᠤᠯᠤᠰ᠎ᠤᠨ ᠵᠣᠷᠢᠭ ᠰᠠᠨᠠᠭ᠎ᠠ ᠪᠠ ᠮᠠᠨ᠎ᠤ ᠣᠷᠣᠨ᠎ᠤ ᠪᠣᠳᠠᠲᠤ ᠪᠠᠶ᠋ᠢᠳᠠᠯ᠎ᠢ ᠦᠨᠳᠦᠰᠦᠯᠡᠨ ᠵᠠᠷᠢᠮ ᠬᠡᠰᠡᠭ᠎ᠢ᠎ᠨᠢ ᠰᠢᠩᠭᠡᠭᠡᠨ ᠠᠪᠤᠪᠠ᠃
2016 ᠣᠨ᠎ᠤ 1 ᠳ᠋ᠦ᠍ᠭᠡᠷ ᠰᠠᠷ᠎ᠠ᠎ᠳᠤ᠂ ᠮᠠᠨ᠎ᠤ ᠵᠥᠪᠯᠡᠯ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠲᠤᠰᠬᠠᠢ ᠰᠡᠳᠦᠪᠲᠦ ᠬᠤᠷᠠᠯ ᠬᠢᠵᠦ 《ᠬᠡᠷᠡᠭᠵᠢᠭᠦᠯᠬᠦ ᠠᠷᠭ᠎ᠠ》 ᠵᠢᠨ ᠠᠭᠤᠯᠭ᠎ᠠ ᠵᠢ ᠶᠠᠷᠢᠯᠴᠠᠵᠤ᠂ ᠮᠠᠨ᠎ᠤ ᠵᠥᠪᠯᠡᠯ᠎ᠤᠨ ᠤᠳᠤᠷᠢᠳᠤᠯᠭ᠎ᠠ 《ᠬᠡᠷᠡᠭᠵᠢᠭᠦᠯᠬᠦ ᠠᠷᠭ᠎ᠠ》 ᠵᠢᠨ ᠠᠭᠤᠯᠭ᠎ᠠ ᠵᠢ ᠵᠦᠢ᠍ᠯ ᠵᠤᠷᠪᠦᠰ ᠳᠠᠷᠠᠭ᠋ᠠᠯᠠᠨ ᠰᠤᠳᠤᠯᠤᠨ ᠶᠠᠷᠢᠯᠴᠠᠵᠤ᠂ ᠡᠴᠦᠰ᠎ᠤᠨ ᠵᠠᠰᠠᠪᠤᠷᠢ ᠣᠷᠣᠭᠤᠯᠤᠨ᠂ 《ᠬᠡᠷᠡᠭᠵᠢᠭᠦᠯᠬᠦ ᠠᠷᠭ᠎ᠠ》 ᠵᠢ ᠬᠠᠮᠲᠤ᠎ᠪᠠᠷ ᠪᠠᠲᠤᠯᠠᠪᠠ᠃
2 ᠳ᠋ᠤᠭ᠋ᠠᠷ ᠰᠠᠷ᠎ᠠ ᠵᠢᠨ 4᠎ᠤ ᠡᠳᠦᠷ 《ᠬᠡᠷᠡᠭᠵᠢᠭᠦᠯᠬᠦ ᠠᠷᠭ᠎ᠠ》 ᠵᠢ ᠵᠢᠩᠬᠢᠨᠢ᠎ᠪᠠᠷ ᠳᠠᠷᠤᠮᠠᠯᠯᠠᠨ ᠲᠠᠷᠬᠠᠭ᠋ᠠᠭᠰᠠᠨ ᠪᠥᠭᠡᠳ ᠡᠬᠢᠯᠡᠨ ᠬᠡᠷᠡᠭᠵᠢᠭᠦᠯᠪᠡ᠃
ᠮᠠᠨ᠎ᠤ ᠣᠷᠣᠨ᠎ᠤ 《ᠬᠡᠷᠡᠭᠵᠢᠭᠦᠯᠬᠦ ᠠᠷᠭ᠎ᠠ》 ᠵᠢ ᠲᠤᠭᠤᠷᠪᠢᠬᠤ ᠠᠵᠢᠯ᠎ᠨᠢ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠡᠯ᠎ᠡ ᠰᠠᠯᠠᠭ᠎ᠠ ᠮᠥᠴᠢᠷ᠂ ᠡᠯ᠎ᠡ ᠠᠶ᠋ᠢᠮᠠᠭ ᠬᠤᠳᠠ ᠵᠢᠨ ᠦᠨᠳᠦᠰᠦᠲᠡᠨ᠎ᠤ ᠬᠡᠷᠡᠭ ᠡᠷᠬᠢᠯᠡᠬᠦ ᠰᠠᠯᠠᠭ᠎ᠠ ᠮᠥᠴᠢᠷ᠎ᠤᠨ ᠬᠦᠴᠦᠲᠡᠶ ᠳᠡᠮᠵᠢᠯᠭᠡ ᠵᠢ ᠣᠯᠪᠠ᠃ ᠡᠨᠳᠡ ᠪᠢ ᠥᠪᠡᠷᠲᠡᠭᠡᠨ ᠵᠠᠰᠠᠬᠤ ᠣᠷᠣᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠡᠮᠦᠨ᠎ᠡ᠎ᠠᠴᠠ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ! ᠤᠯᠠᠨ ᠵᠶ᠋ᠠᠷ ᠵᠶ᠋ᠠᠨ ᠥᠩᠭᠡᠷᠡᠭᠰᠡᠨ᠎ᠲᠠᠢ᠎ᠪᠠᠨ ᠠᠳᠠᠯᠢᠬᠠᠨ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢᠵᠢᠭᠤᠯᠬᠤ ᠠᠬᠢᠴᠠ ᠵᠢ ᠬᠠᠷᠠᠭ᠋ᠠᠯᠵᠠᠬᠤ ᠵᠢ ᠬᠦᠰᠡᠵᠦ ᠪᠠᠢ᠌ᠨ᠎ᠠ᠃
ᠬᠥᠲᠥᠯᠥᠭᠴᠢ᠄
ᠶᠦᠨ ᠡᠷᠬᠢᠯᠡᠭᠴᠢ ᠡ᠂ 《ᠬᠡᠷᠡᠭᠵᠢᠭᠦᠯᠬᠦ ᠠᠷᠭ᠎ᠠ》᠎ᠳᠤ ᠶᠠᠮᠠᠷ ᠶᠠᠮᠠᠷ ᠭᠣᠣᠯ ᠠᠭᠤᠯᠭ᠎ᠠ ᠪᠠᠢ᠌ᠬᠤ ᠪᠤᠢ?
ᠶᠦᠨ ᠭᠦᠸᠸ ᠱᠸᠩ᠄
ᠬᠡᠷᠡᠭᠵᠢᠭᠦᠯᠬᠦ ᠠᠷᠭ᠎ᠠ᠎ᠳᠤ ᠨᠡᠢ᠍ᠢ᠍ᠳᠡ 22 ᠵᠦᠢ᠍ᠯ ᠪᠤᠢ᠃ ᠨᠢᠭᠡᠳᠦᠭᠡᠷ ᠵᠦᠢ᠍ᠯ᠎ᠠᠴᠠ ᠳᠥᠷᠪᠡᠳᠦᠭᠡᠷ᠎ᠨᠢ ᠭᠣᠣᠯᠳᠠᠭᠤ ᠬᠣᠯᠪᠣᠭᠳᠠᠯ ᠪᠦᠬᠦᠢ ᠬᠠᠤᠯᠢ ᠲᠣᠭᠲᠠᠭ᠋ᠠᠬᠤ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠭᠣᠣᠯ ᠤᠬᠠᠭᠳᠠᠬᠤᠨ ᠪᠠ ᠠᠵᠢᠯ᠎ᠤᠨ ᠡᠭᠦᠷᠭᠡ ᠬᠠᠷᠢᠭᠤᠴᠠᠯᠭ᠎ᠠ ᠵᠢᠨ ᠲᠤᠬᠠᠶ ᠲᠣᠭᠲᠠᠭ᠋ᠠᠯ ᠪᠣᠯᠤᠨ᠎ᠠ᠃ ᠲᠠᠪᠤᠳᠤᠭ᠋ᠠᠷ ᠵᠦᠢ᠍ᠯ᠎ᠠᠴᠠ ᠳᠣᠯᠣᠳᠤᠭ᠋ᠠᠷ ᠵᠦᠢ᠍ᠯ᠎ᠨᠢ ᠠᠷᠠᠳ ᠡᠷᠡᠭᠡᠳᠤᠨ ᠦᠨᠳᠦᠰᠦᠲᠡᠨ᠎ᠤ ᠪᠦᠷᠢᠯᠳᠦᠬᠦᠨ᠎ᠢ ᠨᠤᠲᠠᠯᠠᠨ ᠲᠣᠭᠲᠠᠭ᠋ᠠᠬᠤ᠂ ᠲᠡᠮᠳᠡᠭᠯᠡᠬᠦ ᠪᠠ ᠬᠤᠪᠢᠷᠠᠭᠤᠯᠬᠤ ᠦᠨᠳᠦᠰᠦᠨ ᠵᠠᠷᠴᠢᠮ᠎ᠤᠨ ᠲᠤᠬᠠᠶ ᠬᠣᠯᠪᠣᠭᠳᠠᠯ ᠪᠦᠬᠦᠢ ᠲᠣᠭᠲᠠᠭ᠋ᠠᠯ ᠪᠣᠯᠤᠨ᠎ᠠ᠃ ᠨᠠᠢ᠍ᠮᠠᠳᠤᠭ᠋ᠠᠷ ᠵᠦᠢ᠍ᠯ᠎ᠠᠴᠠ ᠠᠷᠪᠠᠨ ᠨᠢᠭᠡᠳᠦᠭᠡᠷ ᠵᠦᠢ᠍ᠯ᠎ᠨᠢ ᠭᠣᠣᠯᠳᠠᠭᠤ ᠬᠤᠪᠢᠷᠠᠭᠤᠯᠬᠤ ᠦᠨᠳᠦᠰᠦᠲᠡᠨ᠎ᠤ ᠪᠦᠷᠢᠯᠳᠦᠬᠦᠨ᠎ᠢ ᠬᠤᠪᠢᠷᠠᠭᠤᠯᠬᠤ ᠪᠣᠳᠠᠲᠠᠶ ᠱᠠᠭ᠋ᠠᠷᠳᠠᠯᠭ᠎ᠠ ᠪᠣᠯᠣᠨ ᠭᠤᠶᠤᠴᠢᠯᠠᠬᠤ ᠳᠡᠰ ᠳᠠᠷᠠᠭ᠋ᠠᠯᠠᠯ᠎ᠤᠨ ᠲᠤᠬᠠᠶ ᠬᠣᠯᠪᠣᠭᠳᠠᠯ ᠪᠦᠬᠦᠢ ᠲᠣᠭᠲᠠᠭ᠋ᠠᠯ ᠪᠣᠯᠣᠨ᠎ᠠ᠂ ᠠᠷᠪᠠᠨ ᠬᠣᠶᠠᠳᠤᠭ᠋ᠠᠷ ᠵᠦᠢ᠍ᠯ᠎ᠠᠴᠠ ᠠᠷᠪᠠᠨ ᠲᠠᠪᠤᠳᠤᠭ᠋ᠠᠷ ᠵᠦᠢ᠍ᠯ᠎ᠨᠢ ᠭᠣᠣᠯᠳᠠᠭᠤ ᠦᠨᠳᠦᠰᠦᠲᠡᠨ᠎ᠤ ᠪᠦᠷᠢᠯᠳᠦᠬᠦᠨ᠎ᠢ ᠲᠡᠮᠳᠡᠭᠯᠡᠬᠦ ᠬᠠᠮᠢᠶᠠᠷᠤᠯᠲᠠ ᠵᠢᠨ ᠳᠠᠩᠰᠠᠯᠠᠭᠤᠯᠬᠤ᠂ ᠬᠠᠮᠵᠢᠯᠴᠠᠬᠤ᠂ ᠬᠢᠨᠠᠯᠲᠠ ᠲᠠᠯᠪᠢᠬᠤ ᠲᠡᠳᠬᠦᠬᠦ ᠲᠣᠭᠲᠠᠴᠠ ᠵᠢᠨ ᠲᠤᠬᠠᠶ ᠬᠣᠯᠪᠣᠭᠳᠠᠯ ᠪᠦᠬᠦᠢ ᠲᠣᠭᠲᠠᠭ᠋ᠠᠯ ᠪᠣᠯᠤᠨ᠎ᠠ᠃ ᠠᠷᠪᠠᠨ ᠵᠢᠷᠭᠤᠳᠤᠭ᠋ᠠᠷ ᠵᠦᠢ᠍ᠯ᠎ᠠᠴᠠ ᠠᠷᠪᠠᠨ ᠨᠠᠢ᠍ᠮᠠᠳᠤᠭ᠋ᠠᠷ ᠵᠦᠢ᠍ᠯ᠎ᠨᠢ ᠭᠣᠣᠯᠳᠠᠭᠤ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢᠨ ᠲᠤᠬᠠᠶ ᠲᠣᠭᠲᠠᠭ᠋ᠠᠯ ᠪᠣᠯᠤᠨ᠎ᠠ᠃ ᠠᠷᠪᠠ ᠶᠢᠰᠦᠳᠦᠭᠡᠷ ᠵᠦᠢ᠍ᠯ᠎ᠠᠴᠠ ᠬᠣᠷᠢᠳᠤᠭ᠋ᠠᠷ ᠵᠦᠢ᠍ᠯ᠎ᠨᠢ ᠭᠣᠣᠯᠳᠠᠭᠤ ᠦᠨᠳᠦᠰᠦᠲᠡᠨ᠎ᠤ ᠪᠦᠷᠢᠯᠳᠦᠬᠦᠨ᠎ᠢ᠎ᠨᠢ ᠲᠣᠭᠲᠠᠭ᠋ᠠᠳᠤᠶ ᠠᠷᠠᠳ ᠢᠷᠭᠡᠳ᠂ ᠭᠠᠳᠠᠭ᠋ᠠᠳᠤ ᠵᠢᠨ ᠬᠥᠮᠦᠨ ᠪᠣᠯᠣᠨ ᠳᠤᠮᠳᠠᠳᠤ ᠤᠯᠤᠰ᠎ᠤᠨ ᠠᠷᠠᠳ ᠢᠷᠭᠡᠨ ᠤᠷᠤᠭᠯᠠᠭ᠋ᠠᠳ ᠲᠤᠢ᠍ᠷᠦᠭᠰᠡᠠ ᠦᠷ᠎ᠡ ᠬᠡᠦᠬᠡᠳ᠎ᠲᠤ ᠳᠤᠮᠳᠠᠳᠤ ᠤᠯᠤᠰ᠎ᠤᠨ ᠬᠠᠷᠢᠶ᠎ᠠ ᠣᠯᠭᠣᠬᠤ᠂ ᠭᠠᠳᠠᠭ᠋ᠠᠳᠤ ᠤᠯᠤᠰ᠎ᠤᠨ ᠬᠥᠮᠦᠨ᠎ᠳᠤ ᠳᠤᠮᠳᠠᠳᠤ ᠤᠯᠤᠰ᠎ᠤᠨ ᠤᠯᠤᠰ᠎ᠤᠨ ᠬᠠᠷᠢᠶ᠎ᠠ ᠣᠯᠭᠣᠬᠤ ᠵᠡᠷᠭᠡ ᠭᠤᠷᠪᠠᠨ ᠵᠦᠢ᠍ᠯ᠎ᠤᠨ ᠣᠨᠴᠠᠭ᠋ᠠᠶ ᠪᠠᠶ᠋ᠢᠳᠠᠯ᠎ᠤᠨ ᠲᠤᠬᠠᠶ ᠲᠣᠭᠲᠠᠭ᠋ᠠᠯ ᠪᠣᠯᠤᠨ᠎ᠠ᠃ ᠬᠣᠷᠢᠨ ᠨᠢᠭᠡᠳᠦᠭᠡᠷ ᠵᠦᠢ᠍ᠯ᠎ᠨᠢ ᠭᠣᠣᠯᠳᠠᠭᠤ ᠬᠣᠯᠪᠣᠭᠳᠠᠯ ᠪᠦᠬᠦᠢ ᠬᠡᠷᠡᠭᠵᠢᠭᠦᠯᠬᠦ ᠨᠠᠷᠢᠨ ᠳᠦᠷᠢᠮ ᠲᠣᠭᠲᠠᠭ᠋ᠠᠯ ᠪᠣᠯᠣᠨ᠎ᠠ᠃ ᠬᠣᠷᠢᠨ ᠬᠣᠶᠠᠳᠤᠭ᠋ᠠᠷ ᠵᠦᠢ᠍ᠯ᠎ᠨᠢ ᠭᠣᠣᠯᠳᠠᠭᠤ ᠬᠣᠯᠪᠣᠭᠳᠠᠯ ᠪᠦᠬᠦᠢ ᠲᠦᠷᠢᠮ ᠲᠣᠭᠲᠠᠭ᠋ᠠᠯ᠎ᠤᠨ ᠬᠦᠴᠦᠨ᠎ᠲᠠᠢ ᠬᠤᠭᠤᠴᠠᠭ᠎ᠠ ᠵᠢᠨ ᠲᠤᠬᠠᠶ ᠲᠣᠭᠲᠠᠭ᠋ᠠᠯ ᠪᠣᠯᠤᠨ᠎ᠠ᠃
ᠬᠥᠲᠥᠯᠥᠭᠴᠢ᠄
ᠠᠷᠠᠳ ᠢᠷᠭᠡᠳ ᠦᠨᠳᠦᠰᠦᠲᠡᠨ᠎ᠤ ᠪᠦᠷᠢᠯᠳᠦᠬᠦᠨ ᠵᠶ᠋ᠡᠨ ᠬᠤᠪᠢᠷᠠᠭᠤᠯᠬᠤ ᠦᠨᠳᠦᠰᠦ ᠪᠠᠷᠢᠮᠲᠠ᠎ᠨᠢ ᠶᠠᠭᠤ ᠪᠤᠢ?
ᠶᠦᠨ ᠭᠦᠸᠸ ᠱᠸᠩ᠄
《ᠬᠡᠷᠡᠭᠵᠢᠭᠦᠯᠬᠦ ᠠᠷᠭ᠎ᠠ》 ᠵᠢᠨ ᠲᠠᠪᠤᠳᠤᠭ᠋ᠠᠷ ᠵᠦᠢ᠍ᠯ᠎ᠳᠤ ᠲᠣᠳᠣᠷᠬᠠᠶ ᠲᠣᠭᠲᠠᠭ᠋ᠠᠭᠰᠠᠨ᠎ᠨᠢ᠄ ᠠᠷᠠᠳ ᠢᠷᠭᠡᠳ᠎ᠤᠨ ᠦᠨᠳᠦᠰᠦᠲᠡᠨ᠎ᠤ ᠪᠦᠷᠢᠯᠳᠦᠬᠦᠨ ᠵᠢ ᠵᠥᠪᠬᠡᠨ ᠲᠡᠭᠦᠨ᠎ᠤ ᠡᠴᠢᠭᠡ ᠪᠤᠶᠤ ᠡᠭᠡ ᠵᠢᠨ ᠦᠨᠳᠦᠰᠦᠲᠡᠨ᠎ᠤ ᠪᠦᠷᠢᠯᠳᠦᠬᠦᠨ᠎ᠢ ᠦᠨᠳᠦᠰᠦᠯᠡᠨ ᠨᠤᠲᠠᠯᠠᠨ ᠲᠣᠭᠲᠠᠭ᠋ᠠᠬᠤ᠂ ᠲᠡᠮᠳᠡᠭᠯᠡᠬᠦ ᠪᠠ ᠬᠤᠪᠢᠷᠠᠭᠤᠯᠣᠨ᠎ᠠ᠃ ᠡᠨᠳᠡ ᠬᠡᠯᠡᠵᠦ ᠪᠠᠶ᠋ᠢᠭ᠎ᠠ ᠡᠴᠢᠭᠡ ᠡᠬᠡ ᠭᠡᠳᠡᠭ᠎ᠨᠢ ᠲᠥᠷᠥᠭᠰᠡᠨ ᠡᠴᠢᠭᠡ ᠡᠬᠡ᠂ ᠲᠡᠵᠢᠭᠡᠭᠰᠡᠨ ᠡᠴᠢᠭᠡ ᠡᠬᠡ ᠪᠠ ᠳᠠᠭ᠋ᠠᠭᠤᠯᠢ ᠦᠷ᠎ᠡ ᠬᠡᠦᠬᠡᠳ᠎ᠢ ᠠᠰᠠᠷᠠᠨ ᠲᠡᠵᠢᠭᠡᠵᠦ ᠰᠤᠷᠭ᠋ᠠᠨ ᠬᠥᠮᠦᠵᠢᠭᠦᠯᠬᠦ ᠬᠠᠷᠢᠴᠠᠭ᠎ᠠ ᠪᠦᠬᠦᠢ ᠬᠣᠶ᠋ᠢᠲᠤ ᠡᠴᠢᠭᠡ ᠡᠬᠡ ᠵᠢ ᠵᠢᠭ᠋ᠠᠵᠤ ᠪᠤᠢ᠃
ᠬᠥᠲᠥᠯᠥᠭᠴᠢ᠄
ᠶᠦᠨ ᠡᠷᠬᠢᠯᠡᠭᠴᠢ ᠡ᠂ ᠬᠡᠷᠪᠡ ᠠᠷᠠᠳ ᠢᠷᠭᠡᠨ ᠦᠨᠳᠦᠰᠦᠲᠡᠨ᠎ᠤ ᠪᠦᠷᠢᠯᠳᠦᠬᠦᠨ ᠵᠶ᠋ᠠᠨ ᠬᠤᠪᠢᠷᠠᠭᠤᠯᠬᠤ ᠰᠠᠨᠠᠭ᠎ᠠ᠎ᠲᠠᠢ ᠪᠣᠯ ᠶᠠᠮᠠᠷ ᠨᠥᠬᠥᠴᠡᠯ ᠪᠠᠶ᠋ᠢᠬᠤ ᠪᠤᠢ?
ᠶᠦᠨ ᠭᠦᠸᠸ ᠱᠸᠩ᠄
《ᠬᠡᠷᠡᠭᠵᠢᠭᠦᠯᠬᠦ ᠠᠷᠭ᠎ᠠ》᠎ᠳᠤ ᠬᠣᠶᠠᠷ ᠵᠦᠢ᠍ᠯ᠎ᠤᠨ ᠠᠳᠠᠯᠢ ᠪᠤᠰᠤ ᠨᠠᠰᠤᠨ᠎ᠤ ᠱᠠᠲᠤᠨ᠎ᠳᠤ ᠦᠨᠳᠦᠰᠦᠲᠡᠨ᠎ᠤ ᠪᠦᠷᠢᠯᠳᠦᠬᠦᠨ ᠵᠶ᠋ᠠᠨ ᠬᠤᠪᠢᠷᠠᠭᠤᠯᠬᠤ ᠨᠥᠬᠥᠴᠡᠯ᠎ᠢ ᠲᠣᠭᠲᠠᠭ᠋ᠠᠪᠠ᠂ ᠲᠤᠬᠠᠢ᠌ᠯᠠᠪᠠᠯ᠄ ᠠᠷᠠᠳ ᠢᠷᠭᠡᠳ᠎ᠤᠨ ᠪᠦᠬᠦᠯᠢ ᠠᠷᠪᠠᠨ ᠨᠠᠢ᠍ᠮᠠᠨ ᠨᠠᠰᠤ ᠬᠦᠷᠦᠭᠡᠳᠦᠢ ᠬᠤᠪᠢᠷᠠᠭᠤᠯᠬᠤ ᠨᠥᠬᠥᠴᠡᠯ ᠪᠠ ᠠᠷᠪᠠᠨ ᠨᠠᠢ᠍ᠮᠠ᠎ᠠᠴᠠ ᠬᠣᠷᠢᠨ ᠨᠠᠰᠤ ᠬᠦᠷᠲᠡᠯᠡᠬᠢ ᠬᠤᠪᠢᠷᠠᠭᠤᠯᠬᠤ ᠨᠥᠬᠥᠴᠡᠯ ᠪᠣᠯᠣᠨ᠎ᠠ᠃ 《ᠬᠡᠷᠡᠭᠵᠢᠭᠦᠯᠬᠦ ᠠᠷᠭ᠎ᠠ》 ᠵᠢᠨ ᠳᠣᠯᠣᠳᠤᠭ᠋ᠠᠷ ᠵᠦᠢ᠍ᠯ᠎ᠳᠤ ᠢᠩᠭᠢᠵᠦ ᠲᠣᠭᠲᠠᠭ᠋ᠠᠭᠰᠠᠨ ᠪᠠᠢ᠌ᠳᠠᠭ᠄ ᠠᠷᠠᠳ ᠢᠷᠭᠡᠳ ᠦᠨᠳᠦᠰᠦᠲᠡᠨ᠎ᠤ ᠪᠦᠷᠢᠯᠳᠦᠬᠦᠨ ᠵᠶ᠋ᠡᠨ ᠨᠤᠲᠠᠯᠠᠨ ᠲᠡᠮᠳᠡᠭᠯᠡᠭᠦᠯᠦᠭᠰᠡᠨᠤ ᠲᠠᠷᠠᠭ᠎ᠠ᠂ ᠶᠡᠷᠦᠩᠬᠡᠢ᠎ᠳᠡᠭᠡᠨ ᠬᠤᠪᠢᠷᠠᠭᠤᠯᠵᠤ ᠪᠣᠯᠬᠤ ᠤᠢ᠍ᠭᠡᠢ᠃ ᠪᠦᠬᠦᠯᠢ ᠠᠷᠪᠠᠨ ᠨᠠᠢ᠍ᠮᠠᠨ ᠨᠠᠰᠤ ᠬᠦᠷᠦᠭᠡᠳᠦᠢ ᠠᠷᠠᠳ ᠢᠷᠭᠡᠳ᠎ᠲᠤ ᠳᠣᠣᠷᠠᠬᠢ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠦᠨᠳᠦᠰᠦᠲᠡᠨ᠎ᠤ ᠪᠦᠷᠢᠯᠳᠦᠬᠦᠨ ᠵᠶ᠋ᠡᠨ ᠬᠤᠪᠢᠷᠠᠭᠤᠯᠬᠤ ᠭᠤᠶᠤᠴᠢᠯᠠᠯ᠎ᠢ ᠨᠢᠭᠡ ᠤᠳᠠᠭ᠎ᠠ ᠭᠠᠷᠭ᠋ᠠᠵᠤ ᠪᠣᠯᠤᠨ᠎ᠠ᠃ (ᠨᠢᠭᠡ) ᠡᠴᠢᠭᠡ ᠡᠭᠡ ᠵᠢᠨ ᠬᠢᠨᠢ ᠤᠷᠦᠬ᠎ᠤᠨ ᠬᠠᠷᠢᠴᠠᠭ᠋ᠠᠨ᠎ᠳᠤ ᠬᠤᠪᠢᠷᠠᠯᠲᠠ ᠭᠠᠷᠴᠤ᠂ ᠲᠡᠭᠦᠨ᠎ᠤ ᠦᠨᠳᠦᠰᠦᠲᠡᠨ᠎ᠤ ᠪᠦᠷᠢᠯᠳᠦᠬᠦᠨ᠎ᠨᠢ ᠰᠢᠭᠤᠳ ᠠᠰᠠᠷᠠᠨ ᠲᠡᠵᠢᠭᠡᠵᠦ ᠪᠠᠶ᠋ᠢᠭ᠎ᠠ ᠨᠢᠭᠡ ᠡᠲᠡᠭᠡᠳᠤᠨᠬᠢᠲᠠᠢ ᠠᠳᠠᠯᠢ ᠪᠤᠰᠤ ᠪᠠᠢ᠌ᠭ᠎ᠠ᠃ (ᠬᠣᠶᠠᠷ) ᠡᠴᠢᠭᠡ ᠡᠭᠡ ᠵᠢᠨ ᠬᠢᠨᠢ ᠤᠷᠦᠬ᠎ᠤᠨ ᠬᠠᠷᠢᠴᠠᠭ᠋ᠠᠨ᠎ᠳᠤ ᠬᠤᠪᠢᠷᠠᠯᠲᠠ ᠭᠠᠷᠴᠤ᠂ ᠲᠡᠭᠦᠨ᠎ᠤ ᠦᠨᠳᠦᠰᠦᠲᠡᠨ᠎ᠤ ᠪᠦᠷᠢᠯᠳᠦᠬᠦᠨ᠎ᠨᠢ ᠬᠣᠶ᠋ᠢᠲᠤ ᠡᠴᠢᠭᠡ (ᠡᠬᠡ) ᠵᠢᠨ ᠦᠨᠳᠦᠰᠦᠲᠡᠨ᠎ᠤ ᠪᠦᠷᠢᠯᠳᠦᠬᠦᠨᠯᠦᠭᠡ ᠠᠳᠠᠯᠢ ᠪᠤᠰᠤ ᠪᠠᠢ᠌ᠭ᠎ᠠ; (ᠭᠤᠷᠪᠠ) ᠲᠡᠭᠦᠨ᠎ᠤ ᠦᠨᠳᠦᠰᠦᠲᠡᠨ᠎ᠤ ᠪᠦᠷᠢᠯᠳᠦᠬᠦᠨ᠎ᠨᠢ ᠲᠡᠵᠢᠭᠡᠭᠰᠡᠨ ᠡᠴᠢᠭᠡ (ᠡᠬᠡ) ᠵᠢᠨ ᠦᠨᠳᠦᠰᠦᠲᠡᠨ᠎ᠤ ᠪᠦᠷᠢᠯᠳᠦᠬᠦᠨ᠎ᠲᠠᠢ ᠠᠳᠠᠯᠢ ᠪᠤᠰᠤ ᠪᠠᠢ᠌ᠭ᠎ᠠ᠃ ᠪᠦᠬᠦᠯᠢ ᠠᠷᠪᠠᠨ ᠨᠠᠢ᠍ᠮᠠᠨ ᠨᠠᠰᠤ ᠬᠦᠷᠦᠭᠰᠡᠨ ᠠᠷᠠᠳ ᠢᠷᠭᠡᠳ ᠪᠦᠬᠦᠯᠢ ᠠᠷᠪᠠᠨ ᠨᠠᠢ᠍ᠮᠠᠨ ᠨᠠᠰᠤ ᠬᠦᠷᠦᠭᠰᠡᠨ ᠡᠳᠦᠷ᠎ᠠᠴᠠ ᠡᠬᠢᠯᠡᠨ ᠬᠣᠶᠠᠷ ᠵᠢᠯ᠎ᠤᠨ ᠳᠣᠲᠣᠷ᠎ᠠ᠂ ᠲᠥᠷᠥᠭᠰᠡᠨ ᠡᠴᠢᠭᠡ ᠪᠤᠶᠤ ᠲᠥᠷᠥᠭᠰᠡᠨ ᠡᠬᠡ ᠵᠢᠨ ᠵᠶ᠋ᠡᠨ ᠦᠨᠳᠦᠰᠦᠲᠡᠨ᠎ᠤ ᠪᠦᠷᠢᠯᠳᠦᠬᠦᠨ᠎ᠢ ᠦᠨᠳᠦᠰᠦᠯᠡᠨ ᠦᠨᠳᠦᠰᠦᠲᠡᠨ᠎ᠤ ᠪᠦᠷᠢᠯᠳᠦᠭᠦᠨ ᠵᠶ᠋ᠡᠨ ᠬᠤᠪᠢᠷᠠᠭᠤᠯᠬᠤ᠎ᠪᠠᠷ ᠨᠢᠭᠡ ᠤᠳᠠᠭ᠎ᠠ ᠭᠣᠶᠣᠴᠢᠯᠠᠵᠤ
ᠪᠣᠯᠣᠨ᠎ᠠ᠃
ᠬᠥᠲᠥᠯᠥᠭᠴᠢ᠄
《ᠬᠡᠷᠡᠭᠵᠢᠭᠦᠯᠬᠦ ᠠᠷᠭ᠎ᠠ》 ᠵᠢ ᠬᠡᠷᠡᠭᠵᠢᠭᠦᠯᠦᠭᠰᠡᠨ᠎ᠤ ᠲᠠᠷᠠᠭ᠎ᠠ᠂ ᠠᠷᠠᠳ ᠢᠷᠭᠡᠨ᠎ᠤ ᠳᠣᠲᠣᠷ᠎ᠠ ᠰᠢᠨ᠎ᠡ᠎ᠪᠠᠷ ᠨᠡᠮᠡᠭᠳᠡᠭᠰᠡᠨ ᠬᠥᠮᠦᠨ ᠠᠮᠠ ᠵᠢᠨ ᠡᠷᠥᠭᠡ ᠠᠮᠠ᠎ᠪᠠᠨ ᠳᠠᠩᠰᠠᠯᠠᠭᠤᠯᠤᠨ ᠦᠨᠳᠦᠰᠦᠲᠡᠨ᠎ᠤ ᠪᠦᠷᠢᠯᠳᠦᠬᠦᠨ ᠵᠶ᠋ᠡᠨ ᠲᠡᠮᠳᠡᠭᠯᠡᠭᠦᠯᠬᠦ ᠦᠶ᠎ᠡ ᠶᠠᠭᠤ ᠵᠢ ᠠᠩᠬᠠᠷᠬᠤ ᠴᠢᠬᠤᠯᠠᠲᠠᠶ ᠪᠣᠢ?
ᠶᠦᠨ ᠭᠦᠸᠸ ᠱᠸᠩ᠄
《ᠬᠡᠷᠡᠭᠵᠢᠭᠦᠯᠬᠦ ᠠᠷᠭ᠎ᠠ》᠎ᠳᠤ ᠲᠣᠳᠣᠷᠬᠠᠶ ᠲᠣᠭᠲᠠᠭ᠋ᠠᠭᠰᠠᠨ᠎ᠨᠢ᠄ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ ᠰᠢᠨ᠎ᠡ᠎ᠪᠠᠷ ᠨᠡᠮᠡᠭᠳᠡᠭᠰᠡᠨ ᠬᠥᠮᠦᠨ ᠠᠮᠠ ᠵᠢᠨ ᠡᠷᠥᠭᠡ ᠠᠮᠠ ᠵᠢᠨ ᠳᠠᠩᠰᠠ ᠵᠢ ᠲᠡᠮᠳᠡᠭᠯᠡᠬᠦ ᠦᠶ᠎ᠡ᠎ᠳᠤ᠂ ᠰᠢᠨ᠎ᠡ᠎ᠪᠠᠷ ᠨᠡᠮᠡᠭᠳᠡᠭᠰᠡᠨ ᠬᠥᠮᠦᠨ ᠠᠮᠠ ᠵᠢᠨ ᠡᠴᠢᠭᠡ ᠡᠭᠡ ᠵᠢᠨ ᠬᠢᠨᠢ ᠦᠨᠳᠦᠰᠦᠲᠡᠨ᠎ᠤ ᠪᠦᠷᠢᠯᠳᠦᠬᠦᠨ᠎ᠢ ᠦᠨᠳᠦᠰᠦᠯᠡᠨ᠂ ᠲᠡᠭᠦᠨ᠎ᠤ ᠦᠨᠳᠦᠰᠦᠲᠡᠨ᠎ᠤ ᠪᠦᠷᠢᠯᠳᠦᠬᠦᠨ᠎ᠢ᠎ᠨᠢ ᠨᠤᠲᠠᠯᠠᠨ ᠲᠣᠭᠲᠠᠭ᠋ᠠᠬᠤ ᠬᠡᠷᠡᠭᠲᠡᠢ᠃ ᠰᠢᠨ᠎ᠡ᠎ᠪᠠᠷ ᠨᠡᠮᠡᠭᠳᠡᠭᠰᠡᠨ ᠬᠥᠮᠦᠨ ᠠᠮᠠ ᠵᠢᠨ ᠡᠴᠢᠭᠡ ᠡᠭᠡ ᠵᠢᠨ ᠬᠢᠨᠢ ᠦᠨᠳᠦᠰᠦᠲᠡᠨ᠎ᠤ ᠪᠦᠷᠢᠯᠳᠦᠬᠦᠨ᠎ᠨᠢ ᠠᠳᠠᠯᠢ ᠤᠢ᠍ᠭᠡᠢ ᠪᠣᠯ᠂ ᠲᠡᠭᠦᠨ᠎ᠤ ᠡᠴᠢᠭᠡ ᠡᠬᠡ ᠵᠢᠨ ᠬᠢᠨᠢ ᠬᠠᠮᠲᠤ᠎ᠪᠠᠷ ᠭᠠᠷᠤᠨ ᠦᠰᠦᠭ ᠵᠢᠷᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ᠎ᠪᠠᠷ ᠨᠡᠮᠡᠭᠳᠡᠭᠰᠡᠨ ᠬᠥᠮᠦᠨ ᠠᠮᠠ ᠵᠢᠨ ᠦᠨᠳᠦᠰᠦᠲᠡᠨ᠎ᠤ ᠪᠦᠷᠢᠯᠳᠦᠬᠦᠨ᠎ᠢ ᠨᠤᠲᠠᠯᠠᠨ ᠲᠣᠭᠲᠠᠭ᠋ᠠᠬᠤ ᠪᠢᠴᠢᠭ》᠎ᠢ ᠦᠨᠳᠦᠰᠦᠯᠡᠨ ᠵᠥᠪ ᠣᠨᠣᠪᠴᠢᠲᠠᠶ ᠲᠠᠭᠯᠠᠵᠦ ᠲᠡᠮᠳᠡᠭᠯᠡᠬᠦ ᠬᠡᠷᠡᠭᠲᠡᠶ᠃ ᠨᠤᠲᠠᠯᠠᠨ ᠲᠣᠭᠲᠠᠭ᠋ᠠᠭᠰᠠᠨ᠎ᠤ ᠳᠠᠷᠠᠭ᠎ᠠ᠂ ᠪᠦᠬᠦᠯᠢ 18 ᠨᠠᠰᠤ ᠬᠦᠷᠬᠦ᠎ᠠᠴᠠ ᠡᠮᠦᠨ᠎ᠡ ᠲᠡᠭᠦᠨ᠎ᠤ ᠦᠨᠳᠦᠰᠦᠲᠡᠨ᠎ᠤ ᠪᠦᠷᠢᠯᠳᠦᠬᠦᠨ᠎ᠢ ᠬᠤᠪᠢᠷᠠᠭᠤᠯᠵᠤ ᠪᠣᠯᠬᠤ ᠦᠭᠡᠶ ᠭᠡᠵᠡᠢ᠃
ᠬᠥᠲᠥᠯᠥᠭᠴᠢ᠄
ᠶᠦᠨ ᠡᠷᠬᠢᠯᠡᠭᠴᠢ ᠡ᠂ ᠠᠷᠠᠳ ᠢᠷᠭᠡᠨ ᠦᠨᠳᠦᠰᠦᠲᠡᠨ᠎ᠤ ᠪᠦᠷᠢᠯᠳᠦᠬᠦᠨ ᠵᠶ᠋ᠡᠨ ᠬᠤᠪᠢᠷᠠᠭᠤᠯᠬᠤ᠎ᠳᠤ ᠶᠠᠮᠠᠷ ᠭᠡᠷᠡᠴᠢ ᠮᠠᠲ᠋ᠧᠷᠢᠶᠠᠯ ᠬᠠᠩᠭ᠋ᠠᠬᠤ ᠴᠢᠬᠤᠯᠠᠲᠠᠶ ᠪᠤᠢ?
ᠶᠦᠨ ᠭᠦᠸᠸ ᠱᠸᠩ᠄
《ᠬᠡᠷᠡᠭᠵᠢᠭᠦᠯᠬᠦ ᠠᠷᠭ᠎ᠠ》 ᠵᠢᠨ ᠶᠢᠰᠦᠳᠦᠭᠡᠷ ᠵᠦᠢ᠍ᠯ᠎ᠳᠤ᠄ ᠪᠦᠬᠦᠯᠢ ᠠᠷᠪᠠᠨ ᠨᠠᠢ᠍ᠮᠠᠨ ᠨᠠᠰᠤ ᠬᠦᠷᠦᠭᠡᠳᠦᠢ ᠠᠷᠠᠳ ᠢᠷᠭᠡᠨ ᠦᠨᠳᠦᠰᠦᠲᠡᠨ᠎ᠤ ᠪᠦᠷᠢᠯᠳᠦᠬᠦᠨ ᠵᠶ᠋ᠠᠨ ᠬᠤᠪᠢᠷᠠᠭᠤᠯᠬᠤ᠎ᠪᠠᠷ ᠭᠤᠶᠤᠴᠢᠯᠠᠪᠠᠯ᠂ ᠳᠣᠣᠷᠠᠬᠢ ᠮᠡᠲᠦ ᠲᠠᠪᠤᠨ ᠵᠦᠢ᠍ᠯ᠎ᠤᠨ ᠭᠡᠷᠡᠴᠢ ᠮᠠᠲ᠋ᠧᠷᠢᠶᠠᠯ᠎ᠢ ᠲᠤᠰᠢᠶᠠᠬᠤ ᠴᠢᠬᠤᠯᠠᠲᠠᠶ᠄ (ᠨᠢᠭᠡ) ᠠᠷᠠᠳ ᠢᠷᠭᠡᠨ᠎ᠤ ᠲᠥᠷᠥᠭᠰᠡᠨ ᠡᠴᠢᠭᠡ (ᠡᠬᠡ)᠂ ᠲᠡᠵᠢᠭᠡᠭᠰᠡᠨ ᠡᠴᠢᠭᠡ (ᠡᠬᠡ)᠂ ᠬᠣᠶ᠋ᠢᠲᠤ ᠡᠴᠢᠭᠡ (ᠡᠬᠡ)᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ ᠵᠶ᠋ᠡᠨ ᠬᠤᠪᠢᠷᠠᠭᠤᠯᠬᠤ ᠭᠤᠶᠤᠴᠢᠯᠠᠯ᠎ᠤᠨ ᠬᠦᠰᠦᠨᠦᠭᠲᠦ》 ᠵᠢ ᠲᠠᠭᠯᠠᠨ ᠮᠡᠳᠡᠭᠦᠯᠦᠨ᠎ᠡ; (ᠬᠣᠶᠠᠷ) ᠠᠷᠠᠳ ᠢᠷᠭᠡᠨ᠎ᠤ ᠲᠤᠰ ᠪᠡᠶ᠎ᠡ ᠵᠢᠴᠢ ᠠᠷᠠᠳ ᠢᠷᠭᠡᠨ᠎ᠤ ᠲᠦᠷᠦᠭᠰᠡᠨ (ᠲᠡᠵᠢᠭᠡᠭᠰᠡᠨ᠂ ᠬᠣᠶ᠋ᠢᠲᠤ) ᠡᠴᠢᠭᠡ (ᠡᠬᠡ) ᠵᠢᠨ ᠰᠠᠭᠤᠭ᠋ᠠᠯᠢ ᠠᠷᠠᠳ᠎ᠤᠨ ᠡᠷᠤᠭᠡ ᠠᠮᠠ ᠵᠢᠨ ᠲᠠᠨᠭ᠌ᠰᠠ ᠵᠢᠨ ᠳᠡᠪᠲᠡᠷ᠂ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠎ᠤᠨ ᠤᠭ ᠮᠠᠲ᠋ᠧᠷᠢᠶᠠᠯ ᠵᠢᠴᠢ ᠲᠡᠭᠦᠨ᠎ᠤ ᠰᠢᠷᠪᠢᠭᠰᠡᠨ ᠮᠠᠲᠸᠷᠢᠶᠠᠯ᠎ᠤᠨ ᠡᠯᠧᠺᠲᠷᠣᠨ ᠬᠡᠪᠯᠡᠯ; (ᠭᠤᠷᠪᠠ) ᠲᠥᠷᠥᠭᠰᠡᠨ ᠡᠴᠢᠭᠡ (ᠡᠬᠡ) ᠵᠢᠨ ᠵᠶ᠋ᠡᠨ ᠦᠨᠳᠦᠰᠦᠲᠡᠨ᠎ᠤ ᠪᠦᠷᠢᠯᠳᠦᠬᠦᠨ᠎ᠢ ᠦᠨᠳᠦᠰᠦᠯᠡᠨ ᠬᠤᠪᠢᠷᠠᠭᠤᠯᠬᠤ᠎ᠪᠠᠷ ᠭᠤᠶᠤᠴᠢᠯᠠᠪᠠᠯ᠂ ᠤᠷᠤᠭ ᠰᠠᠯᠤᠭᠰᠠᠨ ᠦᠨᠡᠮᠯᠡᠯ᠂ ᠰᠢᠭᠦᠬᠦ ᠬᠣᠷᠢᠶ᠎ᠠ ᠵᠢᠨ ᠲᠠᠰᠤᠯᠤᠯᠲᠠ ᠵᠢᠨ ᠪᠢᠴᠢᠭ (ᠪᠤᠶᠤ ᠤᠷᠤᠭ ᠰᠠᠯᠬᠤ ᠵᠦᠪᠳᠡᠯᠴᠡᠭᠡᠷ᠎ᠤᠨ ᠪᠢᠴᠢᠭ)᠎ᠤᠨ ᠤᠭ ᠮᠠᠲ᠋ᠧᠷᠢᠶᠠᠯ ᠵᠢᠴᠢ ᠲᠡᠭᠦᠨ᠎ᠤ ᠰᠢᠷᠪᠢᠭᠰᠡᠨ ᠮᠠᠲᠸᠷᠢᠶᠠᠯ᠎ᠤᠨ ᠡᠯᠧᠺᠲᠷᠣᠨ ᠬᠡᠪᠯᠡᠯ᠎ᠢ ᠬᠠᠩᠭ᠋ᠠᠬᠤ ᠴᠢᠬᠤᠯᠠᠲᠠᠢ; ᠬᠣᠶ᠋ᠢᠲᠤ ᠡᠴᠢᠭᠡ (ᠡᠬᠡ) ᠵᠢᠨ ᠵᠶ᠋ᠡᠨ ᠦᠨᠳᠦᠰᠦᠲᠡᠨ᠎ᠤ ᠪᠦᠷᠢᠯᠳᠦᠬᠦᠨ᠎ᠢ ᠦᠨᠳᠦᠰᠦᠯᠡᠨ ᠬᠤᠪᠢᠷᠠᠭᠤᠯᠬᠤ᠎ᠪᠠᠷ ᠭᠤᠶᠤᠴᠢᠯᠠᠪᠠᠯ᠂ ᠲᠥᠷᠥᠭᠰᠡᠨ ᠡᠴᠢᠭᠡ (ᠡᠬᠡ) ᠬᠢᠭᠡᠳ ᠬᠣᠶ᠋ᠢᠲᠤ ᠡᠬᠡ (ᠡᠴᠢᠭᠡ) ᠵᠢᠨ ᠵᠶ᠋ᠡᠨ ᠤᠷᠤᠭ᠎ᠤᠨ ᠬᠠᠷᠢᠴᠠᠭ᠎ᠠ ᠵᠢᠨ ᠭᠡᠷᠡᠴᠢᠯᠡᠯ᠎ᠤᠨ ᠣᠭ ᠮᠠᠲ᠋ᠧᠷᠢᠶᠠᠯ ᠵᠢᠴᠢ ᠲᠡᠭᠦᠨ᠎ᠤ ᠰᠢᠷᠪᠢᠭᠰᠡᠨ ᠮᠠᠲᠸᠷᠢᠶᠠᠯ᠎ᠤᠨ ᠡᠯᠧᠺᠲᠷᠣᠨ ᠬᠡᠪᠯᠡᠯ᠎ᠢ ᠬᠠᠩᠭ᠋ᠠᠬᠤ ᠴᠢᠬᠤᠯᠠᠲᠠᠢ; ᠲᠡᠵᠢᠭᠡᠭᠰᠡᠨ ᠡᠴᠢᠭᠡ (ᠡᠬᠡ) ᠵᠢᠨ ᠵᠶ᠋ᠡᠨ ᠦᠨᠳᠦᠰᠦᠲᠡᠨ᠎ᠤ ᠪᠦᠷᠢᠯᠳᠦᠬᠦᠨ᠎ᠢ ᠦᠨᠳᠦᠰᠦᠯᠡᠨ ᠬᠤᠪᠢᠷᠠᠭᠤᠯᠬᠤ᠎ᠪᠠᠷ ᠭᠤᠶᠤᠴᠢᠯᠠᠪᠠᠯ᠂ ᠡᠷᠭᠦᠨ ᠲᠡᠵᠢᠭᠡᠭᠰᠡᠨ ᠭᠡᠷᠡᠴᠢᠯᠡᠯ᠎ᠤᠨ ᠣᠭ ᠮᠠᠲ᠋ᠧᠷᠢᠶᠠᠯ ᠵᠢᠴᠢ ᠲᠡᠭᠦᠨ᠎ᠤ ᠰᠢᠷᠪᠢᠭᠰᠡᠨ ᠮᠠᠲᠸᠷᠢᠶᠠᠯ᠎ᠤᠨ ᠡᠯᠧᠺᠲᠷᠣᠨ ᠬᠡᠪᠯᠡᠯ᠎ᠢ ᠬᠠᠩᠭ᠋ᠠᠬᠤ ᠴᠢᠬᠤᠯᠠᠲᠠᠢ; (ᠳᠥᠷᠪᠡ) ᠬᠡᠷᠪᠡ ᠰᠠᠭᠤᠭ᠋ᠠᠯᠢ ᠠᠷᠠᠳ᠎ᠤᠨ ᠡᠷᠤᠭᠡ ᠠᠮᠠ ᠵᠢᠨ ᠲᠠᠨᠭ᠌ᠰᠠ ᠵᠢᠨ ᠳᠡᠪᠲᠡᠷ᠎ᠨᠢ ᠡᠴᠢᠭᠡ ᠡᠬᠡ ᠦᠷ᠎ᠡ ᠬᠡᠦᠬᠡᠳ᠎ᠤᠨ ᠬᠠᠷᠢᠴᠠᠭ᠎ᠠ ᠵᠢ ᠬᠠᠷᠠᠭᠤᠯᠵᠤ ᠴᠢᠳᠠᠬᠤ ᠦᠭᠡᠢ ᠪᠣᠯ᠂ 《ᠲᠥᠷᠦᠯᠲᠡ ᠵᠢᠨ ᠠᠨᠠᠭ᠋ᠠᠬᠤ ᠤᠬᠠᠭ᠋ᠠᠨ᠎ᠤ ᠭᠡᠷᠡᠴᠢᠯᠡᠯ》᠎ᠤᠨ ᠤᠭ ᠮᠠᠲ᠋ᠧᠷᠢᠶᠠᠯ ᠵᠢᠴᠢ ᠲᠡᠭᠦᠨ᠎ᠤ ᠰᠢᠷᠪᠢᠭᠰᠡᠨ ᠮᠠᠲᠸᠷᠢᠶᠠᠯ᠎ᠤᠨ ᠡᠯᠧᠺᠲᠷᠣᠨ ᠬᠡᠪᠯᠡᠯ᠎ᠢ ᠬᠠᠩᠭ᠋ᠠᠬᠤ ᠴᠢᠬᠤᠯᠠᠲᠠᠢ; ᠬᠡᠷᠪᠡ 《ᠲᠦᠷᠦᠯᠲᠡ ᠵᠢᠨ ᠠᠨᠠᠭ᠋ᠠᠬᠤ ᠤᠬᠠᠭ᠋ᠠᠨ᠎ᠤ ᠭᠡᠷᠡᠴᠢᠯᠡᠯ》 ᠪᠠᠢ᠌ᠬᠤ ᠦᠭᠡᠢ ᠪᠣᠯ᠂ ᠠᠷᠠᠳ ᠢᠷᠭᠡᠨ᠎ᠤ ᠡᠷᠦᠬᠡ ᠠᠮᠠ ᠵᠢᠨ ᠳᠠᠨᠭ᠌ᠰᠠ ᠵᠢᠨ ᠪᠠᠶ᠋ᠢᠭ᠎ᠠ ᠭᠠᠵᠠᠷ᠎ᠤᠨ ᠰᠤᠮᠤ᠂ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠠᠴᠠ ᠬᠢᠵᠦ ᠥᠭᠭᠦᠭᠰᠡᠨ ᠡᠴᠢᠭᠡ ᠡᠭᠡ ᠦᠷ᠎ᠡ ᠬᠡᠦᠬᠡᠳ᠎ᠤᠨ ᠬᠠᠷᠢᠴᠠᠭ᠋ᠠᠨ᠎ᠤ ᠭᠡᠷᠡᠴᠢᠯᠡᠯ᠎ᠤᠨ ᠤᠭ ᠮᠠᠲᠸᠷᠢᠶᠠᠯ᠎ᠢ ᠲᠤᠰᠢᠶᠠᠬᠤ ᠴᠢᠬᠤᠯᠠᠲᠠᠢ; (ᠲᠠᠪᠤ) ᠪᠤᠰᠤᠳ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ᠎ᠢ ᠲᠤᠰᠢᠶᠠᠬᠤ ᠴᠢᠬᠤᠯᠠᠲᠠᠢ ᠭᠡᠵᠦ ᠲᠣᠭᠲᠠᠭ᠋ᠠᠵᠠᠢ᠃
《ᠬᠡᠷᠡᠭᠵᠢᠭᠦᠯᠬᠦ ᠠᠷᠭ᠎ᠠ》 ᠵᠢᠨ ᠠᠷᠪᠠᠳᠤᠭ᠋ᠠᠷ ᠵᠦᠢ᠍ᠯ᠎ᠳᠤ᠄ ᠪᠦᠬᠦᠯᠢ ᠠᠷᠪᠠᠨ ᠨᠠᠢ᠍ᠮᠠᠨ ᠨᠠᠰᠤᠨ᠎ᠳᠤ ᠬᠦᠷᠦᠭᠰᠡᠠ ᠠᠷᠠᠳ ᠢᠷᠭᠡᠨ ᠦᠨᠳᠦᠰᠦᠲᠡᠨ᠎ᠤ ᠪᠦᠷᠢᠯᠳᠦᠬᠦᠨ ᠵᠶ᠋ᠠᠨ ᠬᠤᠪᠢᠷᠠᠭᠤᠯᠬᠤ᠎ᠪᠠᠷ ᠭᠤᠶᠤᠴᠢᠯᠠᠪᠠᠯ᠂ ᠳᠣᠣᠷᠠᠬᠢ ᠮᠡᠲᠦ ᠲᠠᠪᠤᠨ ᠵᠦᠢ᠍ᠯ᠎ᠤᠨ ᠭᠡᠷᠡᠴᠢ ᠮᠠᠲ᠋ᠧᠷᠢᠶᠠᠯ᠎ᠢ ᠲᠤᠰᠢᠶᠠᠬᠤ ᠴᠢᠬᠤᠯᠠᠲᠠᠶ᠄ (ᠨᠢᠭᠡ) ᠲᠤᠰ ᠬᠥᠮᠦᠨ᠎ᠨᠢ ᠲᠠᠭᠯᠠᠨ ᠮᠡᠳᠡᠭᠦᠯᠵᠦ ᠭᠠᠷᠤᠨ ᠦᠰᠦᠭ ᠵᠢᠷᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ ᠵᠶ᠋ᠠᠨ ᠬᠤᠪᠢᠷᠠᠭᠤᠯᠬᠤ ᠭᠤᠶᠤᠴᠢᠯᠠᠯ᠎ᠤᠨ ᠬᠦᠰᠦᠨᠦᠭᠲᠦ》 ᠵᠢ ᠨᠢᠭᠡ ᠬᠡᠯᠪᠡᠷᠢ ᠵᠢᠨ ᠳᠦᠷᠪᠡᠨ ᠬᠤᠪᠢ; (ᠬᠣᠶᠠᠷ) ᠠᠷᠠᠳ ᠢᠷᠭᠡᠨ᠎ᠤ ᠲᠤᠰ ᠬᠥᠮᠦᠨ ᠵᠢᠴᠢ ᠲᠡᠭᠦᠨ᠎ᠤ ᠡᠴᠢᠭᠡ ᠡᠬᠡ ᠵᠢᠨ ᠰᠠᠭᠤᠭ᠋ᠠᠯᠢ ᠠᠷᠠᠳ᠎ᠤᠨ ᠡᠷᠤᠭᠡ ᠠᠮᠠ ᠵᠢᠨ ᠲᠠᠨᠭ᠌ᠰᠠ ᠵᠢᠨ ᠳᠡᠪᠲᠡᠷ᠂ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠎ᠤᠨ ᠤᠭ ᠮᠠᠲ᠋ᠧᠷᠢᠶᠠᠯ ᠵᠢᠴᠢ ᠲᠡᠭᠦᠨ᠎ᠤ ᠰᠢᠷᠪᠢᠭᠰᠡᠨ ᠮᠠᠲᠸᠷᠢᠶᠠᠯ᠎ᠤᠨ ᠡᠯᠧᠺᠲᠷᠣᠨ ᠬᠡᠪᠯᠡᠯ; (ᠭᠤᠷᠪᠠ) ᠠᠷᠠᠳ ᠢᠷᠭᠡᠨ᠎ᠤ ᠲᠤᠰ ᠬᠥᠮᠦᠨ᠎ᠤ 《ᠲᠦᠷᠦᠯᠲᠡ ᠵᠢᠨ ᠠᠨᠠᠭ᠋ᠠᠬᠤ ᠤᠬᠠᠭ᠋ᠠᠨ᠎ᠤ ᠭᠡᠷᠡᠴᠢᠯᠡᠯ》᠎ᠤᠨ ᠤᠭ ᠮᠠᠲ᠋ᠧᠷᠢᠶᠠᠯ ᠵᠢᠴᠢ ᠲᠡᠭᠦᠨ᠎ᠤ ᠰᠢᠷᠪᠢᠭᠰᠡᠨ ᠮᠠᠲᠸᠷᠢᠶᠠᠯ᠎ᠤᠨ ᠡᠯᠧᠺᠲᠷᠣᠨ ᠬᠡᠪᠯᠡᠯ; ᠬᠡᠷᠪᠡ 《ᠲᠦᠷᠦᠯᠲᠡ ᠵᠢᠨ ᠠᠨᠠᠭ᠋ᠠᠬᠤ ᠤᠬᠠᠭ᠋ᠠᠨ᠎ᠤ ᠭᠡᠷᠡᠴᠢᠯᠡᠯ》 ᠪᠠᠢ᠌ᠬᠤ ᠦᠭᠡᠢ ᠪᠣᠯ᠂ ᠠᠷᠠᠳ ᠢᠷᠭᠡᠨ᠎ᠤ ᠡᠷᠦᠬᠡ ᠠᠮᠠ ᠵᠢᠨ ᠳᠠᠨᠭ᠌ᠰᠠ ᠵᠢᠨ ᠪᠠᠶ᠋ᠢᠭ᠎ᠠ ᠭᠠᠵᠠᠷ᠎ᠤᠨ ᠰᠤᠮᠤ᠂ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠠᠴᠠ ᠬᠢᠵᠦ ᠥᠭᠭᠦᠭᠰᠡᠨ ᠡᠴᠢᠭᠡ ᠡᠭᠡ ᠦᠷ᠎ᠡ ᠬᠡᠦᠬᠡᠳ᠎ᠤᠨ ᠬᠠᠷᠢᠴᠠᠭ᠋ᠠᠨ᠎ᠤ ᠭᠡᠷᠡᠴᠢᠯᠡᠯ᠎ᠤᠨ ᠤᠭ ᠮᠠᠲᠸᠷᠢᠶᠠᠯ᠎ᠢ ᠲᠤᠰᠢᠶᠠᠬᠤ ᠴᠢᠬᠤᠯᠠᠲᠠᠢ; (ᠳᠥᠷᠪᠡ) ᠠᠷᠠᠳ ᠢᠷᠭᠡᠨ᠎ᠤ ᠲᠥᠷᠥᠭᠰᠡᠨ ᠡᠴᠢᠭᠡ ᠡᠬᠡ ᠵᠢᠨ ᠤᠷᠤᠭ᠎ᠤᠨ ᠬᠠᠷᠢᠴᠠᠭ᠋ᠠᠨ᠎ᠤ ᠭᠡᠷᠡᠴᠢᠯᠡᠯ᠎ᠤᠨ ᠤᠭ ᠮᠠᠲ᠋ᠧᠷᠢᠶᠠᠯ ᠵᠢᠴᠢ ᠲᠡᠭᠦᠨ᠎ᠤ ᠰᠢᠷᠪᠢᠭᠰᠡᠨ ᠮᠠᠲᠸᠷᠢᠶᠠᠯ᠎ᠤᠨ ᠡᠯᠧᠺᠲᠷᠣᠨ ᠬᠡᠪᠯᠡᠯ; (ᠲᠠᠪᠤ) ᠪᠤᠰᠤᠳ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ᠎ᠢ ᠲᠤᠰᠢᠶᠠᠬᠤ ᠴᠢᠬᠤᠯᠠᠲᠠᠢ ᠭᠡᠵᠦ ᠲᠣᠭᠲᠠᠭ᠋ᠠᠵᠠᠢ᠃
ᠬᠥᠲᠥᠯᠥᠭᠴᠢ᠄
ᠠᠷᠠᠳ ᠢᠷᠭᠡᠨ ᠦᠨᠳᠦᠰᠦᠲᠡᠨ᠎ᠤ ᠪᠦᠷᠢᠯᠳᠦᠬᠦᠨ ᠵᠶ᠋ᠡᠨ ᠬᠤᠪᠢᠷᠠᠭᠤᠯᠬᠤ᠎ᠪᠠᠷ ᠭᠤᠶᠤᠴᠢᠯᠠᠬᠤ᠎ᠳᠠᠭᠠᠨ᠂ ᠶᠠᠮᠠᠷ ᠬᠡᠳᠦᠨ ᠳᠡᠰ ᠳᠠᠷᠠᠭ᠋ᠠᠯᠠᠯ ᠵᠶ᠋ᠠᠷ ᠭᠦᠢ᠍ᠴᠡᠳᠬᠡᠬᠦ ᠴᠢᠬᠤᠯᠠᠲᠠᠶ ᠪᠤᠢ?
ᠶᠦᠨ ᠭᠦᠸᠸ ᠱᠸᠩ᠄
《ᠬᠡᠷᠡᠭᠵᠢᠭᠦᠯᠬᠦ ᠠᠷᠭ᠎ᠠ》 ᠵᠢᠨ ᠠᠷᠪᠠᠨ ᠨᠢᠭᠡᠳᠦᠭᠡᠷ ᠵᠦᠢ᠍ᠯ᠎ᠳᠤ᠄ ᠦᠨᠳᠦᠰᠦᠲᠡᠨ᠎ᠤ ᠪᠦᠷᠢᠯᠳᠦᠬᠦᠨ ᠵᠶ᠋ᠡᠨ ᠬᠤᠪᠢᠷᠠᠭᠤᠯᠬᠤ᠎ᠪᠠᠷ ᠭᠤᠶᠤᠴᠢᠯᠠᠬᠤ᠎ᠳᠤ ᠳᠣᠣᠷᠠᠬᠢ ᠳᠡᠰ ᠳᠠᠷᠠᠭ᠋ᠠᠯᠠᠯ ᠵᠶ᠋ᠠᠷ ᠭᠦᠢ᠍ᠴᠡᠳᠬᠡᠬᠦ ᠬᠡᠷᠡᠭᠲᠡᠢ ᠭᠡᠵᠦ ᠲᠣᠭᠲᠠᠭ᠋ᠠᠵᠠᠢ᠄
(ᠨᠢᠭᠡ) ᠭᠤᠶᠤᠴᠢᠯᠠᠭᠴᠢ᠎ᠨᠢ ᠡᠷᠦᠬᠡ ᠠᠮᠠ ᠵᠢᠨ ᠳᠠᠨᠭ᠌ᠰᠠ ᠪᠠᠶ᠋ᠢᠭ᠎ᠠ ᠭᠠᠵᠠᠷ᠎ᠤᠨ ᠵᠶ᠋ᠠᠨ ᠬᠣᠰᠢᠭᠤ᠂ ᠰᠢᠶᠠᠨ (ᠬᠤᠳᠠ᠂ ᠲᠣᠭᠣᠷᠢᠭ)᠎ᠤ ᠦᠨᠳᠦᠰᠦᠲᠡᠨ᠎ᠤ ᠬᠡᠷᠡᠭ ᠡᠷᠬᠢᠯᠡᠬᠦ ᠰᠠᠯᠠᠭ᠎ᠠ ᠮᠥᠴᠢᠷ᠎ᠲᠤ ᠭᠤᠶᠤᠴᠢᠯᠠᠯ ᠭᠠᠷᠭ᠋ᠠᠬᠤ ᠬᠡᠷᠡᠭᠲᠡᠶ; 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ ᠵᠶ᠋ᠡᠨ ᠬᠤᠪᠢᠷᠠᠭᠤᠯᠬᠤ ᠭᠤᠶᠤᠴᠢᠯᠠᠯ᠎ᠤᠨ ᠬᠦᠰᠦᠨᠦᠭᠲᠦ》 ᠵᠢ ᠠᠪᠤᠨ ᠲᠠᠭᠯᠠᠨ ᠮᠡᠳᠡᠭᠦᠯᠬᠦ ᠪᠥᠭᠡᠳ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ;
(ᠬᠣᠶᠠᠷ) ᠬᠣᠰᠢᠭᠤ᠂ ᠰᠢᠶᠠᠨ (ᠬᠤᠳᠠ᠂ ᠲᠣᠭᠣᠷᠢᠭ)᠎ᠤ ᠦᠨᠳᠦᠰᠦᠲᠡᠨ᠎ᠤ ᠬᠡᠷᠡᠭ ᠡᠷᠬᠢᠯᠡᠬᠦ ᠰᠠᠯᠠᠭ᠎ᠠ ᠮᠥᠴᠢᠷ ᠬᠤᠪᠢᠷᠠᠭᠤᠯᠬᠤ ᠭᠤᠶᠤᠴᠢᠯᠠᠯ᠎ᠳᠤ ᠠᠩᠬ᠎ᠠ ᠬᠢᠨᠠᠭᠰᠠᠨ ᠰᠠᠨᠠᠯ ᠵᠶ᠋ᠠᠨ ᠳᠤᠷᠠᠳᠴᠤ᠂ ᠨᠥᠬᠥᠴᠡᠯ᠎ᠳᠤ ᠨᠡᠶ᠋ᠢᠴᠡᠬᠦ ᠦᠬᠡᠢ ᠭᠤᠶᠤᠴᠢᠯᠠᠯ᠎ᠢ ᠪᠤᠴᠠᠭ᠋ᠠᠬᠤ ᠪᠥᠭᠡᠳ ᠦᠯᠦ ᠬᠦᠯᠢᠶᠡᠨ ᠠᠪᠴᠤ ᠰᠢᠢ᠍ᠳᠪᠦᠷᠢᠯᠡᠭᠰᠡᠨ ᠰᠢᠯᠲᠠᠭ᠋ᠠᠨ ᠵᠶ᠋ᠠᠨ ᠪᠢᠴᠢᠭ ᠵᠶ᠋ᠠᠷ ᠲᠤᠳᠤᠷᠬᠠᠢ᠌ᠯᠠᠨ᠎ᠠ; ᠨᠥᠬᠥᠴᠡᠯ᠎ᠳᠤ ᠨᠡᠶ᠋ᠢᠴᠡᠭᠰᠡᠨ ᠭᠤᠶᠤᠴᠢᠯᠠᠯ᠎ᠢ ᠰᠢᠢ᠍ᠳᠪᠦᠷᠢᠯᠡᠬᠦ᠎ᠪᠠᠷ ᠬᠦᠯᠢᠶᠡᠨ ᠠᠪᠤᠭᠰᠠᠨ ᠡᠳᠦᠷ᠎ᠠᠴᠠ ᠡᠬᠢᠯᠡᠨ ᠠᠷᠪᠠᠨ ᠲᠠᠪᠤᠨ ᠠᠵᠢᠯᠯᠠᠬᠤ ᠡᠳᠦᠷ᠎ᠤᠨ ᠳᠣᠲᠣᠷ᠎ᠠ ᠠᠯᠪᠠᠨ ᠪᠢᠴᠢᠭ᠎ᠤᠨ ᠬᠡᠯᠪᠡᠷᠢ᠎ᠪᠠᠷ ᠠᠶ᠋ᠢᠮᠠᠭ᠂ ᠬᠤᠳᠠ ᠵᠢᠨ ᠦᠨᠳᠦᠰᠦᠲᠡᠨ᠎ᠤ ᠬᠡᠷᠡᠭ ᠡᠷᠬᠢᠯᠡᠬᠦ ᠰᠠᠯᠠᠭ᠎ᠠ ᠮᠦᠴᠢᠷ᠎ᠲᠤ ᠮᠡᠳᠡᠭᠦᠯᠦᠨ ᠬᠢᠨᠠᠨ ᠵᠦᠪᠰᠢᠶᠡᠷᠡᠭᠦᠯᠦᠨ᠎ᠡ᠃
ᠠᠷᠪᠠᠨ ᠠᠵᠢᠯᠯᠠᠬᠤ ᠡᠳᠦᠷ᠎ᠤᠨ ᠳᠣᠲᠣᠷ᠎ᠠ ᠠᠩᠬ᠎ᠠ ᠬᠢᠨᠠᠭᠰᠠᠨ ᠰᠠᠨᠠᠯ ᠳᠤᠷᠠᠳᠴᠤ ᠳᠡᠶ᠋ᠢᠯᠬᠦ ᠦᠭᠡᠢ ᠪᠤᠯ᠂ ᠬᠣᠰᠢᠭᠤ᠂ ᠰᠢᠶᠠᠨ (ᠬᠤᠳᠠ᠂ ᠲᠣᠭᠣᠷᠢᠭ)᠎ᠤ ᠦᠨᠳᠦᠰᠦᠲᠡᠨ᠎ᠤ ᠬᠡᠷᠡᠭ ᠡᠷᠬᠢᠯᠡᠬᠦ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠭᠡᠳ᠂ ᠠᠷᠪᠠᠨ ᠠᠵᠢᠯᠯᠠᠬᠤ ᠡᠳᠦᠷ ᠤᠷᠲᠤᠳᠬᠠᠵᠤ ᠪᠣᠯᠤᠨ᠎ᠠ;
(ᠭᠤᠷᠪᠠ) ᠠᠶ᠋ᠢᠮᠠᠭ᠂ ᠬᠤᠳᠠ ᠵᠢᠨ ᠦᠨᠳᠦᠰᠦᠲᠡᠨ᠎ᠤ ᠬᠡᠷᠡᠭ ᠡᠷᠬᠢᠯᠡᠬᠦ ᠰᠠᠯᠠᠭ᠎ᠠ ᠮᠥᠴᠢᠷ ᠬᠢᠨᠠᠨ ᠵᠥᠪᠰᠢᠶᠡᠷᠡᠭᠦᠯᠬᠦ ᠭᠤᠶᠤᠴᠢᠯᠠᠯ᠎ᠢ ᠣᠯᠤᠭᠰᠠᠨ ᠡᠳᠦᠷ᠎ᠠᠴᠠ ᠡᠬᠢᠯᠡᠨ ᠠᠷᠪᠠᠨ ᠲᠠᠪᠤᠨ ᠠᠵᠢᠯᠯᠠᠬᠤ ᠡᠳᠦᠷ᠎ᠤᠨ ᠳᠣᠲᠣᠷ᠎ᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ ᠵᠶ᠋ᠡᠨ ᠬᠤᠪᠢᠷᠠᠭᠤᠯᠬᠤ ᠵᠢ ᠬᠢᠨᠠᠨ ᠵᠥᠪᠰᠢᠶᠡᠷᠡᠬᠦ ᠰᠠᠨᠠᠯ᠎ᠤᠨ ᠪᠢᠴᠢᠭ》 (ᠳᠠᠭ᠋ᠠᠯᠳᠤᠭᠤᠯᠤᠯ ᠬᠦᠰᠦᠨᠦᠭᠲᠦ ᠭᠤᠷᠪᠠ᠂ ᠳᠣᠷᠣᠭᠰᠢ 《ᠬᠢᠨᠠᠨ ᠵᠥᠪᠰᠢᠶᠡᠷᠡᠬᠦ ᠰᠠᠨᠠᠯ᠎ᠤᠨ ᠪᠢᠴᠢᠭ》 ᠭᠡᠵᠦ ᠲᠣᠪᠴᠢᠯᠠᠨ᠎ᠠ)᠎ᠢ ᠬᠢᠵᠦ ᠦᠭᠬᠦ ᠵᠢᠨ ᠬᠠᠮᠲᠤ ᠬᠤᠰᠢᠭᠤ᠂ ᠰᠢᠶᠠᠨ (ᠬᠤᠳᠠ᠂ ᠲᠣᠭᠣᠷᠢᠭ)᠎ᠤ ᠦᠨᠳᠦᠰᠦᠲᠡᠨ᠎ᠤ ᠬᠡᠷᠡᠭ ᠡᠷᠬᠢᠯᠡᠬᠦ ᠰᠠᠯᠠᠭ᠎ᠠ ᠮᠦᠴᠢᠷ᠎ᠲᠤ ᠬᠠᠷᠢᠭᠤ ᠲᠤᠰᠬᠠᠨ᠎ᠠ᠃
ᠠᠷᠪᠠᠨ ᠠᠵᠢᠯᠯᠠᠬᠤ ᠡᠳᠦᠷ᠎ᠤᠨ ᠳᠣᠲᠣᠷ᠎ᠠ ᠬᠢᠨᠠᠨ ᠬᠠᠷᠭᠤᠭᠤᠯᠤᠭᠰᠠᠨ ᠰᠠᠨᠠᠯ ᠳᠤᠷᠠᠳᠴᠤ ᠳᠡᠢ᠌ᠯᠡᠬᠦ ᠦᠭᠡᠢ ᠪᠤᠯ᠂ ᠠᠶ᠋ᠢᠮᠠᠭ᠂ ᠬᠣᠲᠠ ᠵᠢᠨ ᠦᠨᠳᠦᠰᠦᠲᠡᠨ᠎ᠤ ᠬᠡᠷᠡᠭ ᠡᠷᠬᠢᠯᠡᠬᠦ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠭᠡᠳ᠂ ᠠᠷᠪᠠᠨ ᠠᠵᠢᠯᠯᠠᠬᠤ ᠡᠳᠦᠷ ᠤᠷᠲᠤᠳᠬᠠᠵᠤ ᠪᠣᠯᠤᠨ᠎ᠠ;
(ᠲᠥᠷᠪᠡ) ᠬᠣᠰᠢᠭᠤ᠂ ᠰᠢᠶᠠᠨ (ᠬᠤᠳᠠ᠂ ᠲᠣᠭᠣᠷᠢᠭ)᠎ᠤ ᠦᠨᠳᠦᠰᠦᠲᠡᠨ᠎ᠤ ᠬᠡᠷᠡᠭ ᠡᠷᠬᠢᠯᠡᠬᠦ ᠰᠠᠯᠠᠭ᠎ᠠ ᠮᠥᠴᠢᠷ 《ᠬᠢᠨᠠᠨ ᠵᠥᠪᠰᠢᠶᠡᠷᠡᠬᠦ ᠰᠠᠨᠠᠯ᠎ᠤᠨ ᠪᠢᠴᠢᠭ》᠎ᠢ ᠤᠯᠵᠤ ᠠᠪᠤᠭᠰᠠᠨ᠎ᠠᠴᠠ᠎ᠪᠠᠨ ᠠᠷᠪᠠᠨ ᠠᠵᠢᠯᠯᠠᠬᠤ ᠡᠳᠦᠷ᠎ᠤᠨ ᠳᠣᠲᠣᠷ᠎ᠠ᠂ ᠬᠢᠨᠠᠨ ᠵᠥᠪᠰᠢᠶᠡᠷᠡᠬᠦ ᠰᠠᠨᠠᠯ ᠵᠶ᠋ᠠᠨ ᠭᠤᠶᠤᠴᠢᠯᠠᠭᠴᠢ᠎ᠳᠤ ᠮᠡᠳᠡᠭᠳᠡᠬᠦ ᠬᠡᠷᠡᠭᠲᠡᠶ᠃ ᠭᠤᠶᠤᠴᠢᠯᠠᠯ᠎ᠢ ᠬᠢᠨᠠᠨ ᠵᠦᠪᠰᠢᠶᠡᠷᠡᠭᠰᠡᠨ ᠪᠤᠯ 《ᠬᠢᠨᠠᠨ ᠵᠦᠪᠰᠢᠶᠡᠷᠡᠬᠦ ᠰᠠᠨᠠᠯ᠎ᠤᠨ ᠪᠢᠴᠢᠭ》᠎ᠢ ᠬᠣᠰᠢᠭᠤ᠂ ᠰᠢᠶᠠᠨ (ᠬᠤᠳᠠ᠂ ᠲᠣᠭᠣᠷᠢᠭ)᠎ᠤ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠲᠤ ᠬᠠᠭᠤᠯᠤᠨ ᠬᠦᠷᠭᠡᠬᠦ ᠬᠡᠷᠡᠭᠲᠡᠶ᠃
(ᠲᠠᠪᠤ) ᠬᠣᠰᠢᠭᠤ᠂ ᠰᠢᠶᠠᠨ (ᠬᠤᠲᠠ᠂ ᠲᠣᠭᠣᠷᠢᠭ)᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠥᠭᠡ ᠠᠮᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ ᠲᠠᠪᠤᠨ ᠠᠵᠢᠯᠯᠠᠬᠤ ᠡᠳᠦᠷ᠎ᠤᠨ ᠳᠣᠲᠣᠷ᠎ᠠ ᠦᠨᠳᠦᠰᠦᠲᠡᠨ᠎ᠤ ᠬᠡᠷᠡᠭ ᠡᠷᠬᠢᠯᠡᠬᠦ ᠰᠠᠯᠠᠭ᠎ᠠ ᠮᠦᠴᠢᠷ᠎ᠤᠨ 《ᠬᠢᠨᠠᠨ ᠵᠥᠪᠰᠢᠶᠡᠷᠡᠬᠦ ᠰᠠᠨᠠᠯ᠎ᠤᠨ ᠪᠢᠴᠢᠭ》᠎ᠢ
ᠠᠶ᠋ᠢᠮᠠᠭ᠂ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠦᠬᠡ ᠠᠮᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠮᠡᠳᠡᠭᠦᠯᠵᠦ᠂ ᠠᠶ᠋ᠢᠮᠠᠭ᠂ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠦᠬᠡ ᠠᠮᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠲᠠᠪᠤᠨ ᠠᠵᠢᠯᠯᠠᠬᠤ ᠡᠳᠦᠷ᠎ᠤᠨ ᠳᠣᠲᠣᠷ᠎ᠠ ᠬᠥᠮᠦᠨ ᠠᠮᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠣᠨᠢᠰᠤ ᠵᠢ ᠨᠡᠭᠡᠭᠡᠬᠦ ᠵᠢᠨ ᠬᠠᠮᠲᠤ ᠬᠣᠯᠪᠣᠭᠳᠠᠯ ᠪᠦᠬᠦᠢ ᠮᠠᠲ᠋ᠧᠷᠢᠶᠠᠯ᠎ᠤᠨ ᠪᠠᠭᠤᠯᠭ᠋ᠠᠪᠤᠷᠢ ᠵᠢ ᠬᠠᠳᠠᠭ᠋ᠠᠯᠠᠨ ᠦᠯᠡᠳᠡᠭᠡᠬᠦ ᠬᠡᠷᠡᠭᠲᠡᠢ᠃ ᠦᠨᠳᠦᠰᠦᠲᠡᠨ᠎ᠤ ᠬᠡᠷᠡᠭ ᠡᠷᠬᠢᠯᠡᠬᠦ ᠰᠠᠯᠠᠭ᠎ᠠ ᠮᠥᠴᠢᠷ᠎ᠤᠨ ᠬᠢᠨᠠᠨ ᠵᠥᠪᠰᠢᠶᠡᠷᠡᠭᠰᠡᠨ ᠰᠠᠨᠠᠯ᠂ ᠠᠷᠠᠳ ᠢᠷᠭᠡᠨ᠎ᠤ ᠭᠤᠶᠤᠴᠢᠯᠠᠯ᠎ᠤᠨ ᠪᠢᠴᠢᠭ᠎ᠢ ᠡᠷᠦᠭᠡ ᠠᠮᠠ ᠵᠢᠨ ᠲᠡᠡᠭᠰᠠ ᠪᠠᠶ᠋ᠢᠭ᠎ᠠ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ᠎ᠳᠤ ᠲᠤᠰᠢᠶᠠᠨ ᠲᠠᠨᠭ᠌ᠰᠠ ᠡᠪᠬᠡᠮᠡᠯ᠎ᠳᠤ ᠬᠠᠳᠠᠭ᠋ᠠᠯᠠᠵᠤ᠂ ᠲᠣᠮᠢᠯᠠᠭᠰᠠᠨ ᠰᠠᠯᠪᠤᠷᠢ᠎ᠨᠢ ᠲᠠᠪᠤᠨ ᠠᠵᠢᠯᠯᠠᠬᠤ ᠡᠳᠦᠷ᠎ᠤᠨ ᠳᠣᠲᠣᠷ᠎ᠠ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ ᠵᠶ᠋ᠡᠨ ᠬᠤᠪᠢᠷᠠᠭᠤᠯᠤᠭᠰᠠᠨᠢ ᠲᠡᠮᠳᠡᠭᠯᠡᠨ ᠠᠪᠬᠤ ᠬᠡᠷᠡᠭᠲᠡᠶ᠃
ᠬᠥᠲᠥᠯᠥᠭᠴᠢ᠄
ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ᠎ᠢ ᠡᠷᠦᠬᠡ ᠠᠮᠠ ᠵᠢᠨ ᠬᠠᠮᠢᠶᠠᠷᠤᠯᠲᠠ ᠵᠢᠨ ᠶᠠᠪᠤᠴᠠ᠎ᠳᠤ ᠪᠤᠷᠤᠭᠤ᠎ᠪᠠᠷ ᠮᠡᠳᠡᠭᠦᠯᠦᠭᠰᠡᠨ᠂ ᠪᠤᠷᠤᠭᠤ ᠲᠡᠮᠳᠡᠭᠯᠡᠭᠦᠯᠦᠭᠰᠡᠨ ᠪᠤᠯ ᠶᠠᠭ᠋ᠠᠬᠢᠵᠤ ᠵᠠᠯᠠᠷᠠᠭᠤᠯᠬᠤ ᠪᠤᠶ?
ᠶᠦᠨ ᠭᠦᠸᠸ ᠱᠸᠩ᠄
《ᠬᠡᠷᠡᠭᠵᠢᠭᠦᠯᠬᠦ ᠠᠷᠭ᠎ᠠ》 ᠵᠢᠨ ᠠᠷᠪᠠᠨ ᠨᠠᠢ᠍ᠮᠠᠳᠤᠭ᠋ᠠᠷ ᠵᠦᠢ᠍ᠯ᠎ᠳᠤ᠄ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ᠎ᠢ ᠡᠷᠦᠬᠡ ᠠᠮᠠ ᠵᠢᠨ ᠬᠠᠮᠢᠶᠠᠷᠤᠯᠲᠠ ᠵᠢᠨ ᠶᠠᠪᠤᠴᠠ᠎ᠳᠤ ᠪᠤᠷᠤᠭᠤ᠎ᠪᠠᠷ ᠮᠡᠳᠡᠭᠦᠯᠦᠭᠰᠡᠨ᠂ ᠪᠤᠷᠤᠭᠤ ᠲᠡᠮᠳᠡᠭᠯᠡᠭᠰᠡᠨ ᠪᠠᠢ᠌ᠪᠠᠯ᠂ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠠᠴᠠ ᠲᠡᠭᠦᠨ᠎ᠤ ᠦᠨᠳᠦᠰᠦᠲᠡᠨ᠎ᠤ ᠪᠦᠷᠢᠯᠳᠦᠬᠦᠨ᠎ᠢ᠎ᠨᠢ ᠵᠠᠯᠠᠷᠠᠭᠤᠯᠵᠤ ᠦᠭᠬᠦ ᠬᠡᠷᠡᠭᠲᠡᠢ᠃ ᠡᠷᠦᠬᠡ ᠠᠮᠠ ᠵᠢᠨ ᠳᠠᠩᠰᠠ᠎ᠨᠢ ᠪᠠᠢ᠌ᠭ᠎ᠠ ᠲᠣᠮᠢᠯᠠᠭᠰᠠᠨ ᠰᠠᠯᠪᠤᠷᠢ᠎ᠨᠢ ᠭᠤᠶᠤᠴᠢᠯᠠᠭᠴᠢ ᠵᠢᠨ ᠵᠠᠯᠠᠷᠠᠭᠤᠯᠬᠤ ᠭᠤᠶᠤᠴᠢᠯᠠᠯ᠎ᠤᠨ ᠪᠢᠴᠢᠭ ᠪᠤᠶᠤ ᠳᠣᠲᠣᠭ᠋ᠠᠳᠤ ᠵᠢ ᠬᠠᠮᠠᠭ᠋ᠠᠯᠠᠬᠤ ᠰᠠᠯᠪᠤᠷᠢ ᠵᠢᠨ ᠪᠤᠷᠤᠭᠤ ᠲᠡᠮᠳᠡᠭᠯᠡᠭᠰᠡᠨ ᠵᠶ᠋ᠡᠨ ᠲᠤᠳᠤᠷᠬᠠᠢ᠌ᠯᠠᠭᠰᠠᠨ ᠮᠠᠲ᠋ᠧᠷᠢᠶᠠᠯ᠂ ᠬᠣᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠵᠢᠴᠢ ᠬᠤᠪᠢᠷᠠᠭᠤᠯᠬᠤ ᠵᠠᠯᠠᠷᠠᠭᠤᠯᠬᠤ ᠬᠢᠨᠠᠨ ᠵᠥᠪᠰᠢᠶᠡᠷᠡᠭᠦᠯᠬᠦ ᠬᠦᠰᠦᠨᠦᠭᠲᠦ ᠵᠢ ᠠᠶ᠋ᠢᠮᠠᠭ᠂ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠦᠬᠡ ᠠᠮᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠱᠠᠳᠤ ᠳᠠᠷᠠᠭ᠋ᠠᠯᠠᠨ ᠮᠡᠳᠡᠭᠦᠯᠦᠨ ᠬᠢᠨᠠᠨ ᠵᠦᠪᠰᠢᠶᠡᠷᠡᠭᠦᠯᠵᠦ᠂ ᠠᠶ᠋ᠢᠮᠠᠭ᠂ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠦᠬᠡ ᠠᠮᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ ᠬᠢᠨᠠᠨ ᠵᠥᠪᠰᠢᠶᠡᠷᠡᠬᠦ ᠵᠢᠨ ᠬᠠᠮᠲᠤ ᠬᠥᠮᠦᠨ ᠠᠮᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠤᠨᠢᠰᠤ ᠵᠢ ᠨᠡᠭᠡᠭᠡᠭᠰᠡᠨ᠎ᠤ ᠳᠠᠷᠠᠭ᠎ᠠ᠂ ᠡᠷᠦᠬᠡ ᠠᠮᠠ ᠵᠢᠨ ᠳᠠᠩᠰᠠ᠎ᠨᠢ ᠪᠠᠢ᠌ᠭ᠎ᠠ ᠲᠣᠮᠢᠯᠠᠭᠰᠠᠨ ᠰᠠᠯᠪᠤᠷᠢ᠎ᠨᠢ ᠠᠷᠠᠳ ᠢᠷᠭᠡᠨ᠎ᠤ ᠦᠨᠳᠦᠰᠦᠲᠡᠨ᠎ᠤ ᠪᠦᠷᠢᠯᠳᠦᠬᠦᠨ᠎ᠢ᠎ᠨᠢ ᠵᠠᠯᠠᠷᠠᠭᠤᠯᠵᠤ ᠦᠭᠬᠦ ᠵᠢᠨ ᠬᠠᠮᠲᠤ ᠬᠢᠨᠠᠨ ᠵᠥᠪᠰᠢᠶᠡᠷᠡᠭᠰᠡᠨ ᠮᠠᠲᠸᠷᠢᠶᠠᠯ᠎ᠢ ᠳᠠᠩᠰᠠ ᠡᠪᠬᠡᠮᠡᠯ᠎ᠳᠤ ᠣᠷᠣᠭᠤᠯᠬᠤ ᠬᠡᠷᠡᠭᠲᠡᠢ ᠭᠡᠵᠦ ᠲᠤᠳᠤᠷᠬᠠᠢ ᠲᠤᠭᠲᠠᠭ᠋ᠠᠪᠠ ᠃
ᠬᠥᠲᠥᠯᠥᠭᠴᠢ᠄
ᠠᠷᠠᠳ ᠢᠷᠭᠡᠨ ᠪᠤᠯᠤᠨ ᠲᠤᠢ᠍ᠷᠦ ᠵᠢᠨ ᠪᠠᠶ᠋ᠢᠭᠤᠯᠭ᠎ᠠ ᠵᠢᠨ ᠠᠵᠢᠯᠳᠡᠠᠤ ᠬᠠᠤᠯᠢ ᠲᠣᠭᠲᠠᠭ᠋ᠠᠯ᠎ᠢ ᠵᠥᠷᠢᠴᠡᠭᠰᠡᠨ ᠠᠵᠢᠯᠯᠠᠭ᠎ᠠ ᠵᠢ ᠶᠠᠭ᠋ᠠᠬᠢᠨ ᠶᠠᠯᠠᠯᠠᠨ ᠰᠢᠳᠬᠡᠬᠦ ᠪᠤᠢ?
ᠶᠦᠨ ᠭᠦᠸᠸ ᠱᠸᠩ᠄
《ᠬᠡᠷᠡᠭᠵᠢᠭᠦᠯᠬᠦ ᠠᠷᠭ᠎ᠠ》᠎ᠳᠤ ᠲᠤᠳᠤᠷᠬᠠᠢ ᠲᠤᠭᠲᠠᠭᠰᠠᠨ᠎ᠨᠢ᠄ ᠠᠷᠠᠳ ᠢᠷᠭᠡᠨ ᠦᠨᠡᠨ ᠪᠣᠳᠠᠲᠠᠶ ᠪᠠᠶ᠋ᠢᠳᠠᠯ ᠵᠶ᠋ᠡᠨ ᠨᠢᠭᠤᠨ ᠳᠠᠯᠳᠠᠯᠠᠵᠤ᠂ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠭᠰᠡᠨ᠂ ᠬᠤᠳᠠᠯ ᠬᠠᠭᠤᠷᠮᠠᠭ ᠭᠡᠷᠡᠴᠢ ᠮᠠᠲ᠋ᠧᠷᠢᠶᠠᠯ ᠬᠠᠩᠭ᠋ᠠᠵᠤ᠂ ᠦᠨᠳᠦᠰᠦᠲᠡᠨ᠎ᠤ ᠪᠦᠷᠢᠯᠳᠦᠬᠦᠨ ᠵᠶ᠋ᠡᠨ ᠬᠤᠪᠢᠷᠠᠭᠤᠯᠬᠤ᠎ᠪᠠᠷ ᠭᠤᠶᠤᠴᠢᠯᠠᠭᠰᠠᠨ ᠪᠤᠯ ᠦᠨᠳᠦᠰᠦᠲᠡᠨ᠎ᠤ ᠬᠡᠷᠡᠭ ᠡᠷᠬᠢᠯᠡᠬᠦ ᠰᠠᠯᠠᠭ᠎ᠠ ᠮᠥᠴᠢᠷ ᠬᠢᠨᠠᠨ ᠵᠦᠪᠰᠢᠶᠡᠷᠡᠬᠦ ᠰᠠᠨᠠᠯ ᠵᠶ᠋ᠠᠨ ᠬᠦᠴᠦᠨ ᠦᠭᠡᠢ ᠪᠤᠯᠭ᠋ᠠᠵᠤ᠂ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠨᠢ ᠬᠤᠪᠢᠷᠠᠭᠤᠯᠤᠭᠰᠠᠨ ᠲᠡᠮᠳᠡᠭᠯᠡᠯ ᠵᠶ᠋ᠡᠨ ᠬᠦᠴᠦᠨ ᠦᠬᠡᠢ ᠪᠤᠯᠭ᠋ᠠᠬᠤ ᠵᠢᠨ ᠬᠠᠮᠲᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠮᠡᠳᠡᠭᠳᠡᠨ ᠲᠤᠰ ᠠᠷᠠᠳ ᠢᠷᠭᠡᠨ᠎ᠤ ᠬᠤᠳᠠᠯ ᠬᠠᠭᠤᠷᠮᠠᠭ ᠦᠨᠳᠦᠰᠦᠲᠡᠨ᠎ᠤ ᠪᠦᠷᠢᠯᠳᠦᠬᠦᠨ ᠵᠶ᠋ᠡᠷ ᠬᠦᠷᠲᠡᠵᠦ ᠪᠠᠢ᠌ᠭ᠎ᠠ ᠬᠣᠯᠪᠣᠭᠳᠠᠯ ᠪᠦᠬᠦᠢ ᠡᠷᠬᠡ ᠠᠰᠢᠭ᠎ᠢ ᠬᠤᠷᠢᠶᠠᠨ ᠠᠪᠬᠤ ᠬᠡᠷᠡᠭᠲᠡᠢ; ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢ ᠵᠥᠷᠢᠴᠡᠭᠰᠡᠨ ᠦᠢ᠍ᠯᠡ ᠠᠵᠢᠯᠯᠠᠭ᠎ᠠ ᠪᠤᠯᠵᠤ ᠪᠦᠷᠢᠯᠳᠦᠭᠰᠡᠨ ᠪᠤᠯ᠂ ᠬᠠᠤᠯᠢ ᠶᠣᠰᠣᠭ᠋ᠠᠷ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠳᠬᠡᠯ ᠦᠭᠬᠦ ᠬᠡᠷᠡᠭᠲᠡᠢ; ᠶᠠᠯᠠᠳᠤ ᠬᠦᠷᠦᠭᠰᠡᠨ ᠪᠤᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠬᠣᠯᠪᠣᠭᠳᠠᠯ ᠪᠦᠬᠦᠢ ᠲᠤᠢ᠍ᠷᠦ ᠵᠢᠨ ᠪᠠᠶ᠋ᠢᠭᠤᠯᠭ᠎ᠠ ᠵᠢᠨ ᠠᠵᠢᠯᠳᠡᠠ ᠦᠨᠳᠦᠰᠦᠲᠡᠨ᠎ᠤ ᠪᠦᠷᠢᠯᠳᠦᠬᠦᠨ᠎ᠤ ᠬᠠᠮᠢᠶᠠᠷᠤᠯᠲᠠ ᠵᠢᠨ ᠠᠵᠢᠯ᠎ᠤᠨ ᠳᠤᠮᠳᠠ ᠬᠠᠤᠯᠢ ᠵᠢ ᠵᠥᠷᠢᠴᠡᠨ ᠰᠠᠬᠢᠯᠭ᠎ᠠ ᠵᠢ ᠰᠠᠮᠠᠭᠤᠷᠠᠭᠤᠯᠵᠤ᠂ ᠬᠤᠪᠢ ᠵᠢᠨ ᠨᠠᠶ᠋ᠢᠷ ᠵᠶ᠋ᠠᠷ ᠬᠠᠤᠯᠢ ᠶᠣᠰᠣ ᠵᠢ ᠵᠥᠷᠢᠴᠡᠭᠰᠡᠨ᠂ ᠲᠤᠰᠢᠶᠠᠯ ᠵᠶ᠋ᠠᠨ ᠭᠤᠲᠤᠭ᠋ᠠᠵᠤ ᠡᠷᠬᠡ᠎ᠪᠠᠨ ᠳᠤᠷ᠎ᠠ᠎ᠪᠠᠷ ᠬᠡᠷᠡᠭᠯᠡᠭᠰᠡᠨ ᠦᠢ᠍ᠯᠡ ᠠᠵᠢᠯᠯᠠᠭ᠎ᠠ᠎ᠲᠠᠢ ᠪᠠᠶ᠋ᠢᠪᠠᠯ᠂ ᠲᠡᠭᠦᠨ᠎ᠤ ᠳᠡᠭᠡᠳᠦ ᠱᠠᠲᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠪᠤᠶᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠠᠴᠠ ᠵᠠᠷᠯᠢᠭᠳᠠᠨ ᠵᠠᠯᠠᠷᠠᠭᠤᠯᠤᠭᠤᠯᠬᠤ ᠵᠢᠨ ᠬᠠᠮᠲᠤ ᠰᠢᠭᠤᠳ ᠬᠠᠷᠢᠭᠤᠴᠠᠵᠤ ᠪᠠᠶ᠋ᠢᠭ᠎ᠠ ᠭᠤᠤᠯᠯᠠᠨ ᠬᠠᠮᠢᠶᠠᠷᠬᠤ ᠬᠥᠮᠦᠨ ᠪᠣᠯᠤᠨ ᠪᠤᠰᠤᠳ ᠰᠢᠭᠤᠳ ᠬᠠᠷᠢᠭᠤᠴᠠᠯᠭ᠎ᠠ᠎ᠲᠠᠢ ᠬᠦᠮᠦᠨ᠎ᠢ ᠬᠠᠤᠯᠢ ᠶᠤᠰᠤᠭ᠋ᠠᠷ ᠰᠢᠢ᠍ᠳᠪᠦᠷᠢᠯᠡᠬᠦ ᠬᠡᠷᠡᠭᠲᠡᠢ᠃ ᠡᠭᠦᠨ᠎ᠤ ᠬᠠᠮᠲᠤ ᠦᠨᠡᠨ ᠨᠡᠷ᠎ᠡ᠎ᠪᠠᠷ ᠵᠶ᠋ᠠᠨ ᠢᠯᠡᠴᠢᠯᠡᠨ ᠮᠡᠳᠡᠭᠦᠯᠦᠭᠰᠡᠨ ᠲᠣᠭᠲᠠᠭ᠋ᠠᠯ᠎ᠠᠴᠠ ᠵᠥᠷᠢᠴᠡᠭᠰᠡᠨ ᠬᠡᠷᠡᠭ ᠪᠦᠬᠦᠨ᠎ᠢ ᠵᠠᠪᠠᠯ ᠪᠠᠶ᠋ᠢᠴᠠᠭ᠋ᠠᠬᠤ ᠬᠡᠷᠡᠭᠲᠡᠶ ᠭᠡᠵᠦ ᠲᠤᠳᠤᠷᠬᠠᠢ᠌ᠯᠠᠵᠡᠢ᠃
ᠬᠥᠲᠥᠯᠥᠭᠴᠢ᠄
ᠵᠠ ᠰᠠᠢ᠌ᠨ ᠪᠤᠯᠤᠯ᠎ᠠ᠂ ᠶᠦᠨ ᠡᠷᠬᠢᠯᠡᠭᠴᠢ ᠵᠢᠨ ᠬᠦᠯᠢᠴᠡᠩᠭᠦᠶ᠎ᠪᠠᠷ ᠲᠠᠢ᠌ᠯᠪᠤᠷᠢᠯᠠᠭᠰᠠᠨ᠎ᠳᠤ ᠮᠠᠰᠢ ᠲᠠᠯᠠᠷᠬᠠᠵᠤ ᠪᠠᠢ᠌ᠨ᠎ᠠ᠂ ᠮᠠᠨ᠎ᠤ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠵᠠᠪᠰᠠᠷᠯᠠᠶ᠎ᠠ᠂ ᠳᠠᠷᠠᠭ᠋ᠠᠴᠢ ᠵᠢᠨ ᠬᠤᠭᠤᠴᠠᠭ᠋ᠠᠨ᠎ᠳᠤ ᠪᠠᠶᠠᠷᠲᠠᠢ ᠵᠤᠯᠭ᠋ᠠᠶ᠎ᠠ᠃