ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠲᠠᠷᠢᠶᠠᠯᠠᠩ ᠮᠠᠯ ᠠᠵᠤ ᠠᠬᠤᠶ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠶᠡᠬᠡᠪᠡᠷ ᠠᠬᠢᠭᠤᠯᠵᠤ ᠪᠣᠬᠢᠷᠲᠤᠯ ᠦᠭᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠦᠢ᠍ᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭ᠋ᠠᠬᠤ ᠰᠠᠭᠤᠷᠢᠨ ᠭᠠᠵᠠᠷ᠎ᠤᠨ ᠪᠥᠳᠥᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠶ᠎ᠠ
ᠨᠡᠶ᠋ᠢᠲᠡᠯᠡᠭᠰᠡᠨ ᠴᠠᠭ᠄ 2016-08-23

      ᠰᠤᠷᠪᠤᠯᠵᠢᠯᠠᠭᠰᠠᠨ ᠴᠠᠭ᠄
     2016 ᠣᠨ᠎ᠤ 8 ᠳ᠋ᠤᠭ᠋ᠠᠷ ᠰᠠᠷ᠎ᠠ ᠵᠢᠨ 2᠎ᠤᠨ ᠡᠳᠦᠷ᠎ᠤᠨ ᠦᠳᠡ ᠵᠢᠨ ᠡᠮᠦᠨᠡᠬᠢ 10 ᠴᠠᠭ᠎ᠲᠤ
      ᠰᠤᠷᠪᠤᠯᠵᠢᠯᠠᠭᠰᠠᠨ ᠵᠤᠴᠢᠨ᠄
      ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠠᠷᠢᠶᠠᠯᠠᠩ᠎ᠤᠨ ᠶᠡᠷᠦᠨᠭᠬᠡᠢ ᠮᠡᠷᠭᠡᠵᠢᠯᠲᠡᠨ ᠸᠠᠨᠭ᠌ ᠢᠦᠢ ᠹᠸᠨᠭ
      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
      ᠡᠨᠡ ᠵᠢᠯ᠂ ᠲᠥᠪ᠎ᠠᠴᠠ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠲᠦᠯᠬᠢᠨ ᠠᠬᠢᠭᠤᠯᠬᠤ᠎ᠪᠠᠷ ᠳᠤᠷᠠᠳᠤᠭᠰᠠᠨ ᠶᠠᠪᠤᠳᠠᠯ᠎ᠨᠢ ᠲᠠᠷᠢᠶᠠᠯᠠᠩ ᠮᠠᠯ ᠠᠵᠤ ᠠᠬᠤᠶ ᠵᠢᠨ ᠰᠢᠰᠲ᠋ᠧᠮ᠎ᠤᠨ ᠪᠣᠬᠢᠷᠲᠤᠯ ᠦᠭᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠦᠢ᠍ᠯᠡᠳᠪᠦᠷᠢᠯᠡᠬᠥ᠂ ᠡᠳ᠋ᠰᠢᠭᠦᠯᠬᠦ ᠵᠢ ᠨᠡᠩ ᠪᠦᠲᠦᠮᠵᠢᠲᠡᠶ᠎ᠪᠠᠷ ᠲᠣᠬᠢᠷᠠᠭᠤᠯᠬᠤ᠎ᠳᠤ ᠰᠠᠢ᠍ᠢ᠍ᠨ ᠰᠠᠢ᠌ᠬᠠᠨ ᠠᠬᠤᠶ ᠪᠠᠶ᠋ᠢᠳᠠᠯ ᠪᠣᠯᠤᠨ ᠠᠭᠤᠷ ᠠᠮᠢᠰᠬᠤᠯ᠎ᠢ ᠪᠤᠢ ᠪᠣᠯᠭ᠋ᠠᠵᠤ ᠥᠭᠪᠡ᠃ ᠦᠢ᠍ᠯᠡᠳᠪᠦᠷᠢᠯᠡᠬᠥ᠂ ᠡᠳ᠋ᠰᠢᠭᠦᠯᠬᠦ᠂ ᠭᠠᠳᠠᠭᠰᠢ ᠭᠠᠷᠭ᠋ᠠᠬᠤ ᠵᠡᠷᠭᠡ ᠪᠣᠳᠠᠲᠠᠶ ᠵᠠᠩᠭᠢᠯᠠᠭ᠎ᠠ᠎ᠠᠴᠠ ᠬᠡᠷᠬᠢᠨ ᠭᠠᠷᠳᠠᠵᠤ᠂ ᠪᠦᠲᠦᠴᠡ ᠵᠢ ᠲᠣᠬᠢᠷᠠᠭᠤᠯᠤᠨ ᠰᠢᠯᠢᠳᠡᠭᠵᠢᠭᠦᠯᠵᠦ᠂ ᠶᠠᠰᠤ ᠴᠢᠨᠠᠷ᠎ᠢ ᠳᠡᠭᠡᠭᠰᠢᠯᠡᠭᠦᠯᠦᠨ᠂ ᠥᠪᠥᠷ ᠮᠣᠩᠭᠣᠯ᠎ᠤᠨ ᠪᠣᠬᠢᠷᠲᠤᠯ ᠦᠭᠡᠢ ᠴᠢᠨᠠᠷ ᠰᠠᠶ᠋ᠢᠲᠠᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠨᠡᠷᠡᠲᠦ ᠲᠥᠷᠥᠯ ᠲᠡᠮᠳᠡᠭᠲᠦ ᠵᠢ ᠴᠤᠭᠴᠠᠯᠠᠨ ᠪᠠᠢ᠌ᠭᠤᠯᠵᠤ᠂ ᠮᠠᠯᠴᠢᠨ ᠲᠠᠷᠢᠶᠠᠴᠢᠳ᠎ᠤᠨ ᠣᠷᠣᠯᠭ᠎ᠠ ᠵᠢ ᠲᠠᠰᠤᠷᠠᠯᠲᠠ ᠦᠭᠡᠢ ᠨᠡᠮᠡᠭᠳᠡᠭᠦᠯᠬᠦ᠎ᠳᠤ᠂ ᠲᠠᠷᠢᠶᠠᠯᠠᠩ ᠮᠠᠯ ᠠᠵᠤ ᠠᠬᠤᠶ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠲᠦᠯᠬᠢᠨ ᠠᠬᠢᠭᠤᠯᠬᠤ᠎ᠪᠠᠷ ᠳᠠᠮᠵᠢᠭᠤᠯᠤᠨ ᠪᠣᠬᠢᠷᠲᠤᠯ ᠦᠭᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠦᠢ᠍ᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭ᠋ᠠᠬᠤ ᠰᠠᠭᠤᠷᠢᠨ ᠭᠠᠵᠠᠷ᠎ᠤᠨ ᠪᠥᠳᠥᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠬᠤ ᠬᠡᠷᠡᠭᠲᠡᠢ᠃
         
                  ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ


      ᠬᠥᠲᠥᠯᠥᠭᠴᠢ᠄
      ᠰᠦᠯᠵᠢᠶᠡᠨ ᠠᠨᠳᠠ ᠨᠠᠷ ᠰᠠᠢ᠍ᠢ᠍ᠨ ᠪᠠᠢ᠌ᠵᠠᠭ᠋ᠠᠨ᠎ᠠ ᠦᠦ! ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠠᠷᠢᠶᠠᠯᠠᠩ᠎ᠤᠨ ᠶᠡᠷᠦᠨᠭᠬᠡᠢ ᠮᠡᠷᠭᠡᠵᠢᠯᠲᠡᠨ ᠸᠠᠨᠭ᠌ ᠢᠦᠢ ᠹᠸᠨᠭ᠎ᠢ 《ᠳᠤᠮᠳᠠᠳᠤ ᠤᠯᠤᠰ   ᠥᠪᠥᠷ ᠮᠣᠩᠭᠣᠯ》 ᠰᠦᠯᠵᠢᠶᠡᠨ᠎ᠳᠤ ᠤᠷᠢᠵᠤ ᠲᠠ ᠨᠠᠷ᠎ᠲᠠᠢ ᠶᠠᠷᠢᠯᠴᠠᠭᠤᠯᠬᠤ ᠪᠣᠯᠣᠨ᠎ᠠ᠂ ᠥᠷᠭᠡᠨ ᠣᠯᠠᠨ ᠰᠦᠯᠵᠢᠶᠡᠨ ᠠᠨᠳᠠ ᠨᠠᠷ᠎ᠤᠨ ᠢᠳᠡᠪᠬᠢᠲᠡᠶ ᠤᠷᠤᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ!
      ᠸᠠᠨᠭ᠌ ᠢᠦᠢ ᠹᠸᠨᠭ᠄
      ᠬᠥᠲᠥᠯᠥᠭᠴᠢ ᠰᠠᠢ᠍ᠢ᠍ᠨ ᠪᠠᠢ᠌ᠨ᠎ᠠ ᠦᠦ᠂ ᠰᠦᠯᠵᠢᠶᠡᠨ ᠠᠨᠳᠠ ᠲᠠ ᠪᠦᠭᠦᠨ ᠰᠠᠢ᠍ᠢ᠍ᠨ ᠪᠠᠢ᠌ᠵᠠᠭ᠋ᠠᠨ᠎ᠠ ᠦᠦ!   ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠦᠯᠵᠢᠶᠡᠨ᠎ᠳᠤ ᠢᠷᠡᠵᠦ ᠲᠠ ᠪᠥᠬᠦᠨ᠎ᠲᠠᠢ ᠵᠣᠭᠣᠭᠳᠠᠬᠤ ᠪᠣᠯᠣᠭᠰᠠᠨ᠎ᠳᠠᠭᠠᠨ ᠮᠠᠰᠢ ᠪᠠᠶᠠᠷᠯᠠᠵᠤ ᠪᠠᠶ᠋ᠢᠨ᠎ᠠ᠃
      ᠬᠥᠲᠥᠯᠥᠭᠴᠢ᠄
      ᠸᠠᠩ ᠲᠢᠩᠬᠢᠮ᠎ᠤᠨ ᠳᠠᠷᠤᠭ᠎ᠠ ᠡ᠂ ᠶᠠᠭᠤᠨ᠎ᠳᠤ ᠪᠣᠬᠢᠷᠲᠤᠯ ᠦᠭᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠦᠢ᠍ᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭ᠋ᠠᠬᠤ ᠰᠠᠭᠤᠷᠢᠨ ᠭᠠᠵᠠᠷ᠎ᠤᠨ ᠪᠥᠳᠥᠭᠡᠨ ᠪᠠᠶ᠋ᠢᠭᠤᠯᠤᠯᠲᠠ ᠵᠢ ᠠᠬᠢᠭᠤᠯᠬᠤ᠎ᠨᠢ ᠮᠠᠨ᠎ᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠬᠥᠭᠵᠢᠯᠲᠡ᠎ᠳᠤ ᠲᠤᠶ᠋ᠢᠯ᠎ᠤᠨ ᠴᠢᠬᠤᠯᠠ ᠭᠡᠵᠦ ᠬᠡᠯᠡᠳᠡᠭ ᠪᠤᠢ?
      ᠸᠠᠨᠭ᠌ ᠢᠦᠢ ᠹᠸᠨᠭ᠄
     《8337》 ᠬᠥᠭᠵᠢᠯᠲᠡ ᠵᠢᠨ ᠰᠡᠳᠬᠢᠮᠵᠢ᠎ᠳᠤ 《ᠪᠣᠬᠢᠷᠲᠤᠯ ᠦᠭᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠦᠢ᠍ᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭ᠋ᠠᠬᠤ ᠰᠠᠭᠤᠷᠢᠨ ᠭᠠᠵᠠᠷ》᠎ᠢ ᠪᠥᠲᠦᠭᠡᠨ ᠪᠠᠢ᠌ᠭᠤᠯᠬᠤ ᠪᠠᠶ᠋ᠢᠯᠳᠤᠬᠤ ᠪᠣᠳᠣᠯᠭ᠎ᠠ ᠵᠢᠨ ᠲᠣᠭᠲᠠᠭ᠋ᠠᠯᠲᠠ ᠵᠢ ᠳᠤᠷᠠᠳᠤᠭᠰᠠᠨ᠎ᠠᠴᠠ ᠨᠠᠰᠢ᠂ ᠲᠠᠷᠢᠶᠠᠯᠠᠩ ᠮᠠᠯ ᠠᠵᠤ ᠠᠬᠤᠶ ᠵᠢᠨ ᠰᠢᠰᠲ᠋ᠧᠮ ᠬᠥᠭᠵᠢᠯᠲᠡ ᠵᠢᠨ ᠰᠡᠳᠬᠢᠮᠵᠢ᠎ᠪᠠᠨ ᠢᠳᠡᠪᠬᠢᠲᠡᠶ ᠬᠤᠪᠢᠷᠠᠭᠤᠯᠵᠤ᠂ ᠥᠨᠭᠭᠡᠷᠡᠭᠰᠡᠨ᠎ᠤ ᠨᠢᠭᠡᠳᠦᠭᠡᠷ ᠠᠵᠤ ᠦᠢ᠍ᠯᠡᠰ᠎ᠨᠢ ᠨᠢᠭᠡᠳᠦᠭᠡᠷ ᠠᠵᠤ ᠦᠢ᠍ᠯᠡᠰ ᠵᠶ᠋ᠠᠨ ᠯᠠ ᠠᠳᠬᠤᠳᠠᠭ ᠪᠠᠢ᠌ᠭᠰᠠᠨ᠎ᠠᠴᠠ᠎ᠪᠠᠨ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠳᠤᠨ ᠬᠥᠭᠵᠢᠬᠦ ᠵᠢ ᠴᠦᠮ ᠠᠳᠬᠤᠬᠤ ᠪᠣᠯᠵᠤ᠂ 《ᠭᠠᠳᠠᠭᠰᠢ ᠭᠠᠷᠭ᠋ᠠᠬᠤ》 ᠡᠨᠡ ᠨᠢᠭᠡᠨ ᠦᠵᠦᠭᠦᠷ᠎ᠤᠨ ᠵᠠᠩᠭᠢᠯᠠᠭ᠎ᠠ ᠵᠢ ᠨᠡᠩ ᠴᠢᠬᠤᠯᠠᠴᠢᠯᠠᠬᠤ ᠪᠣᠯᠪᠠ᠃ ᠡᠢ᠌ᠮᠦᠷᠬᠥ ᠫᠢᠫᠠ ᠴᠢᠪᠬᠠᠳᠠᠬᠤ ᠠᠷᠭ᠎ᠠ ᠮᠠᠶᠢᠭ ᠵᠶ᠋ᠠᠷ ᠬᠠᠷᠢᠯᠴᠠᠨ ᠦᠢ᠍ᠯᠡᠳᠦᠯᠴᠡᠬᠥ ᠲᠣᠭᠲᠠᠴᠠ ᠵᠢ ᠪᠦᠷᠢᠯᠳᠦᠭᠦᠯᠵᠦ᠂ 《ᠭᠠᠳᠠᠭᠰᠢ ᠭᠠᠷᠭ᠋ᠠᠬᠤ》᠎ᠪᠠᠷ ᠳᠠᠮᠵᠢᠭᠤᠯᠤᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ ᠪᠣᠯᠣᠨ ᠲᠣᠭ᠎ᠠ ᠬᠡᠮᠵᠢᠶ᠎ᠡ᠎ᠨᠢ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠨᠡᠢ᠌ᠴᠡᠵᠦ ᠪᠠᠢ᠌ᠬᠤ ᠡᠰᠡᠬᠦ᠂ ᠮᠠᠯᠴᠢᠨ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ᠎ᠳᠤ ᠠᠰᠢᠭᠲᠠᠶ ᠪᠠᠶ᠋ᠢᠬᠤ ᠡᠰᠡᠬᠦ᠂ ᠦᠢ᠍ᠯᠡᠳᠪᠦᠷᠢᠯᠡᠬᠦ ᠪᠠ ᠡᠳ᠋ᠰᠢᠭᠦᠯᠬᠦ᠎ᠨᠢ ᠬᠡᠷᠡᠭᠴᠡᠭᠡ᠎ᠳᠤ ᠨᠡᠢ᠌ᠴᠡᠵᠦ ᠪᠠᠢ᠌ᠬᠤ ᠡᠰᠡᠬᠦ ᠵᠢ ᠰᠢᠯᠭ᠋ᠠᠨ ᠪᠠᠢ᠌ᠴᠠᠭ᠋ᠠᠨ ᠬᠢᠨᠠᠨ ᠦᠵᠡᠭᠡᠳ᠂ ᠡᠭᠦᠨ᠎ᠤ ᠣᠯᠠᠮ ᠵᠶ᠋ᠠᠷ ᠡᠳ᠋ᠰᠢᠭᠦᠯᠬᠦ ᠵᠢ ᠳᠠᠢ᠌ᠴᠢᠯᠠᠨ᠂ ᠦᠢ᠍ᠯᠡᠳᠪᠦᠷᠢᠯᠡᠯ᠎ᠢ ᠵᠢᠯᠤᠭᠤᠳᠴᠤ᠂ ᠵᠠᠬ᠎ᠠ ᠳᠡᠯᠭᠡᠭᠦᠷ᠎ᠲᠤ ᠬᠡᠷᠡᠭᠴᠡᠭᠡᠲᠡᠢ ᠮᠥᠷᠲᠡᠭᠡᠨ ᠲᠣᠭ᠎ᠠ ᠬᠡᠮᠵᠢᠶ᠎ᠡ᠎ᠨᠢ ᠲᠣᠬᠢᠷᠠᠮᠵᠢᠲᠠᠶ ᠪᠣᠬᠢᠷᠲᠤᠯ ᠦᠭᠡᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠬᠠᠨᠭ᠌ᠭ᠋ᠠᠵᠤ᠂ ᠪᠣᠬᠢᠷᠲᠤᠯ ᠦᠭᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠦᠢ᠍ᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭ᠋ᠠᠬᠤ ᠰᠠᠭᠤᠷᠢᠨ ᠭᠠᠵᠠᠷ᠎ᠤᠨ ᠪᠥᠳᠥᠭᠡᠨ ᠪᠠᠶ᠋ᠢᠭᠤᠯᠤᠯᠲᠠ ᠵᠢ ᠠᠬᠢᠭᠤᠯᠪᠠ᠃ ᠭᠤᠷᠪᠠᠨ ᠵᠢᠯ ᠭᠠᠷᠤᠶ ᠵᠢᠨ ᠬᠠᠶ᠋ᠢᠨ ᠰᠦᠪᠡᠭᠴᠢᠯᠡᠯᠲᠡ ᠪᠣᠯᠣᠨ ᠦᠢ᠍ᠯᠡᠳᠦᠯᠭᠡ᠎ᠪᠠᠷ ᠳᠠᠮᠵᠢᠭᠤᠯᠤᠨ᠂ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ ᠣᠢ᠌ᠯᠠᠭ᠋ᠠᠭ᠋ᠠᠳ᠂ ᠪᠣᠬᠢᠷᠲᠤᠯ ᠦᠭᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠥᠲᠦᠭᠡᠭᠳᠡᠭᠦᠨ᠎ᠢ ᠦᠢ᠍ᠯᠡᠳᠪᠦᠷᠯᠡᠬᠥ᠂ ᠡᠳ᠋ᠰᠢᠭᠦᠯᠬᠦ᠎ᠳᠤ ᠶᠠᠭ ᠭᠦᠨᠵᠡᠭᠡᠶ ᠲᠤᠬᠢᠷᠠᠭᠤᠯᠤᠯᠲᠠ ᠬᠢᠵᠦ ᠪᠣᠢ᠃
      ᠬᠥᠲᠥᠯᠥᠭᠴᠢ᠄
      ᠲᠡᠭᠡᠪᠡᠯ ᠮᠠᠨ᠎ᠤ ᠣᠷᠣᠨ᠎ᠤ ᠣᠳᠣᠬᠠᠨ᠎ᠳᠤ ᠲᠤᠯᠭ᠋ᠠᠷᠠᠵᠤ ᠪᠠᠶ᠋ᠢᠭ᠎ᠠ ᠪᠡᠷᠬᠡ ᠰᠡᠳᠦᠪ ᠪᠣᠯᠣᠨ ᠥᠷᠢᠰᠦᠯᠳᠦᠭᠡᠨ᠎ᠨᠢ ᠶᠠᠭᠤ ᠪᠤᠢ?
      ᠸᠠᠨᠭ᠌ ᠢᠦᠢ ᠹᠸᠨᠭ᠄
      ᠡᠨᠡ ᠵᠢᠯ᠂ ᠲᠥᠪ᠎ᠠᠴᠠ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠲᠦᠯᠬᠢᠨ ᠠᠬᠢᠭᠤᠯᠬᠤ᠎ᠪᠠᠷ ᠳᠤᠷᠠᠳᠤᠭᠰᠠᠨ ᠶᠠᠪᠤᠳᠠᠯ᠎ᠨᠢ ᠲᠠᠷᠢᠶᠠᠯᠠᠩ ᠮᠠᠯ ᠠᠵᠤ ᠠᠬᠤᠶ ᠵᠢᠨ ᠰᠢᠰᠲ᠋ᠧᠮ᠎ᠤᠨ ᠪᠣᠬᠢᠷᠲᠤᠯ ᠦᠭᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠦᠢ᠍ᠯᠡᠳᠪᠦᠷᠢᠯᠡᠬᠥ᠂ ᠡᠳ᠋ᠰᠢᠭᠦᠯᠬᠦ ᠵᠢ ᠨᠡᠩ ᠪᠦᠲᠦᠮᠵᠢᠲᠡᠶ᠎ᠪᠠᠷ ᠲᠣᠬᠢᠷᠠᠭᠤᠯᠬᠤ᠎ᠳᠤ ᠰᠠᠢ᠍ᠢ᠍ᠨ ᠰᠠᠢ᠌ᠬᠠᠨ ᠠᠬᠤᠶ ᠪᠠᠶ᠋ᠢᠳᠠᠯ ᠪᠣᠯᠤᠨ ᠠᠭᠤᠷ ᠠᠮᠢᠰᠬᠤᠯ᠎ᠢ ᠪᠤᠢ ᠪᠣᠯᠭ᠋ᠠᠵᠤ ᠥᠭᠪᠡ᠃ ᠦᠨᠡᠨ᠎ᠢ ᠬᠡᠯᠡᠪᠡᠯ᠂ ᠮᠠᠨ᠎ᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠬᠠᠩᠭ᠋ᠠᠯᠭ᠎ᠠ᠎ᠨᠢ ᠬᠡᠷᠡᠭᠴᠡᠭᠡᠨ᠎ᠤ ᠬᠤᠪᠢᠷᠠᠯᠲᠠ᠎ᠲᠠᠢ ᠲᠦᠷᠭᠡᠨ ᠵᠣᠬᠢᠴᠠᠵᠤ ᠴᠢᠳᠠᠬᠤ ᠦᠭᠡᠢ ᠪᠠᠢ᠌ᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠦᠲᠦᠴᠡ ᠵᠢᠨ ᠴᠢᠨᠠᠷᠲᠠᠶ ᠳᠤᠲᠠᠭᠤᠳᠠᠯ ᠪᠣᠯᠣᠨ ᠲᠦᠷ ᠴᠠᠭ᠎ᠤᠨ ᠴᠢᠨᠠᠷᠲᠠᠢ᠂ ᠬᠠᠷᠢᠴᠠᠩᠭᠤᠶ ᠴᠢᠨᠠᠷᠲᠠᠢ ᠦᠯᠡᠭᠦᠳᠡᠯ ᠬᠣᠣᠰᠯᠠᠨ ᠣᠷᠣᠰᠢᠵᠤ ᠪᠠᠶ᠋ᠢᠨ᠎ᠠ᠃ ᠨᠢᠭᠡ ᠲᠠᠯ᠎ᠠ᠎ᠪᠠᠷ᠂ 《ᠲᠣᠭ᠎ᠠ》 ᠵᠢᠨ ᠲᠠᠯ᠎ᠠ᠎ᠠᠴᠠ ᠠᠪᠴᠤ ᠬᠡᠯᠡᠪᠡᠯ᠂ ᠢᠯᠡᠷᠡᠯ᠎ᠨᠢ ᠭᠡᠪᠡᠯ ᠦᠢ᠍ᠯᠡᠳᠬᠦᠨ᠎ᠤ ᠳᠦᠷᠦᠯ ᠵᠦᠢ᠍ᠯ ᠬᠠᠨᠭ᠌ᠭ᠋ᠠᠯᠭ᠎ᠠ ᠵᠢᠨ ᠪᠦᠲᠦᠴᠡ ᠵᠢᠨ ᠴᠢᠨᠠᠷᠲᠠᠶ ᠲᠡᠩᠴᠡᠭᠦᠷᠢ᠎ᠪᠠᠨ ᠠᠯᠳᠠᠵᠤ᠂ 《ᠠᠮᠤ ᠪᠣᠳᠠᠭ᠋ᠠᠨ ᠲᠠᠷᠢᠮᠠᠯ᠂ ᠠᠵᠤ ᠠᠬᠤᠢ ᠵᠢᠨ ᠲᠠᠷᠢᠮᠠᠯ᠂ ᠪᠣᠷᠳᠣᠭ᠋ᠠᠨ ᠲᠠᠷᠢᠮᠠᠯ》 ᠵᠡᠷᠭᠡ ᠶᠡᠬᠡ ᠬᠡᠮᠵᠢᠶᠡᠨ᠎ᠤ ᠲᠠᠷᠢᠮᠠᠯ᠎ᠤᠨ ᠬᠣᠭᠣᠷᠣᠨᠳᠣᠬᠢ ᠪᠦᠲᠦᠴᠡ ᠲᠡᠩᠴᠡᠭᠦᠷᠢ ᠦᠭᠡᠢ ᠪᠠᠢ᠌ᠵᠤ᠂ ᠲᠠᠷᠢᠮᠠᠯ᠎ᠤᠨ ᠲᠠᠯ᠎ᠠ᠎ᠪᠠᠷ ᠡᠷᠳᠡᠨᠢ ᠰᠢᠰᠢ ᠭᠣᠣᠯᠯᠠᠵᠤ᠂ ᠮᠠᠯ ᠰᠦᠷᠦᠭ᠎ᠤᠨ ᠲᠠᠯ᠎ᠠ᠎ᠪᠠᠷ ᠬᠣᠨᠢ᠎ᠪᠠᠷ ᠭᠣᠣᠯᠯᠠᠵᠤ᠂ ᠴᠠᠷᠭ᠋ᠠᠰᠤ ᠵᠡᠷᠭᠡ ᠴᠢᠨᠠᠷ ᠰᠠᠶ᠋ᠢᠲᠠᠶ ᠡᠯᠪᠡᠭ ᠤᠭᠤᠷᠠᠭᠲᠤ ᠲᠡᠵᠢᠭᠡᠯ ᠡᠪᠡᠰᠦᠨ᠎ᠤ ᠬᠠᠩᠭ᠋ᠠᠯᠭ᠎ᠠ ᠬᠦᠷᠦᠯᠴᠡᠬᠦ ᠦᠭᠡᠢ ᠪᠠᠶ᠋ᠢᠨ᠎ᠠ᠃ ᠨᠦᠭᠦᠭᠡ ᠲᠠᠯ᠎ᠠ᠎ᠪᠠᠷ᠂ 《ᠴᠢᠨᠠᠷ》᠎ᠤᠨ ᠲᠠᠯ᠎ᠠ᠎ᠠᠴᠠ ᠠᠪᠴᠤ ᠬᠡᠯᠡᠪᠡᠯ᠂ ᠢᠯᠡᠷᠡᠯ᠎ᠨᠢ ᠭᠡᠪᠡᠯ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠶᠠᠰᠤ ᠴᠢᠨᠠᠷ ᠲᠡᠩᠴᠡᠭᠦᠷᠢ᠎ᠪᠠᠨ ᠠᠯᠳᠠᠵᠤ᠂ ᠡᠩ᠎ᠤᠨ ᠲᠦᠷᠦᠯ ᠵᠦᠢ᠍ᠯ᠎ᠤᠨ ᠬᠠᠨᠭ᠌ᠭ᠋ᠠᠯᠭ᠎ᠠ ᠵᠢᠨ ᠬᠡᠮᠵᠢᠶ᠎ᠡ ᠶᠡᠬᠡ᠂ ᠬᠠᠷᠢᠨ ᠴᠢᠨᠠᠷ ᠰᠠᠶ᠋ᠢᠲᠠᠶ᠂ ᠲᠤᠰᠬᠠᠶ ᠬᠡᠷᠡᠭᠯᠡᠭᠡᠨ᠎ᠤ ᠲᠦᠷᠦᠯ ᠵᠦᠢ᠍ᠯ ᠴᠥᠭᠡᠨ ᠪᠠᠢ᠌ᠨ᠎ᠠ᠃ ᠬᠡᠷᠪᠡ ᠡᠳᠡᠭᠡᠷ ᠠᠰᠠᠭᠤᠳᠠᠯ᠎ᠢ ᠤᠷᠳᠤ ᠬᠤᠭᠤᠴᠠᠭ᠎ᠠ᠎ᠪᠠᠷ ᠪᠦᠲᠦᠮᠵᠢᠲᠡᠶ ᠰᠢᠢ᠍ᠳᠪᠦᠷᠢᠯᠡᠵᠦ ᠴᠢᠳᠠᠬᠤ ᠦᠭᠡᠢ ᠪᠣᠯ᠂ ᠪᠣᠬᠢᠷᠲᠤᠯ ᠦᠭᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠦᠢ᠍ᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭ᠋ᠠᠬᠤ ᠰᠠᠭᠤᠷᠢᠨ ᠭᠠᠵᠠᠷ᠎ᠤᠨ ᠪᠥᠳᠥᠭᠡᠨ ᠪᠠᠢ᠌ᠭᠤᠯᠤᠯᠲᠠ ᠵᠢ ᠨᠥᠯᠥᠭᠡᠯᠡᠬᠦ᠎ᠨᠢ ᠯᠠᠪᠲᠠᠶ ᠶᠤᠮ᠃
      ᠬᠥᠲᠥᠯᠥᠭᠴᠢ᠄
      ᠡᠨᠡ ᠵᠢᠯ᠎ᠤᠨ ᠪᠣᠬᠢᠷᠲᠤᠯ ᠦᠭᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠦᠢ᠍ᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭ᠋ᠠᠬᠤ ᠰᠠᠭᠤᠷᠢᠨ ᠭᠠᠵᠠᠷ᠎ᠤᠨ ᠪᠥᠳᠥᠭᠡᠨ ᠪᠠᠶ᠋ᠢᠭᠤᠯᠤᠯᠲᠠ ᠵᠢ ᠠᠬᠢᠭᠤᠯᠬᠤ ᠲᠠᠯ᠎ᠠ᠎ᠪᠠᠷ ᠠᠵᠢᠯ᠎ᠤᠨ ᠭᠣᠣᠯᠳᠠᠯᠭ᠎ᠠ᠎ᠨᠢ ᠶᠠᠭᠤ ᠪᠤᠢ?
      ᠸᠠᠩ ᠢᠦᠢ ᠹᠸᠩ
      ᠡᠨᠡ ᠵᠢᠯ᠎ᠤᠨ ᠲᠠᠷᠢᠶᠠᠯᠠᠩ ᠮᠠᠯ ᠠᠵᠤ ᠠᠬᠤᠶ ᠵᠢᠨ ᠰᠢᠰᠲ᠋ᠧᠮ᠎ᠤᠨ ᠠᠵᠢᠯ᠎ᠤᠨ ᠭᠣᠣᠯᠳᠠᠯᠭ᠎ᠠ ᠪᠤᠯ ᠲᠠᠷᠢᠶᠠᠯᠠᠩ ᠮᠠᠯ ᠠᠵᠤ ᠠᠬᠤᠶ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠶᠡᠬᠡᠪᠡᠷ ᠲᠦᠯᠬᠢᠨ ᠠᠬᠢᠭᠤᠯᠵᠤ᠂ ᠦᠢ᠍ᠯᠡᠳᠪᠦᠷᠢᠯᠡᠬᠦ᠂ ᠪᠣᠯᠪᠠᠰᠤᠷᠠᠭᠤᠯᠬᠤ᠂ ᠭᠠᠳᠠᠭᠰᠢ ᠭᠠᠷᠭ᠋ᠠᠬᠤ ᠵᠡᠷᠭᠡ ᠪᠣᠳᠠᠲᠠᠶ ᠵᠠᠩᠭᠢᠯᠠᠭ᠎ᠠ᠎ᠠᠴᠠ ᠭᠠᠷᠳᠠᠵᠤ᠂ ᠴᠢᠷᠮᠠᠶ᠋ᠢᠵᠤ ᠪᠠᠶ᠋ᠢᠭ᠋ᠠᠳ ᠪᠦᠲᠦᠴᠡ ᠵᠢ ᠲᠣᠬᠢᠷᠠᠭᠤᠯᠤᠨ ᠰᠢᠯᠢᠳᠡᠭᠵᠢᠭᠦᠯᠵᠦ᠂ ᠶᠠᠰᠤ ᠴᠢᠨᠠᠷ᠎ᠢ ᠳᠡᠭᠡᠭᠰᠢᠯᠡᠭᠦᠯᠵᠦ᠂ ᠪᠣᠷᠣᠯᠠᠭᠤᠯᠭ᠎ᠠ ᠰᠠᠶ᠋ᠢᠲᠠᠶ ᠪᠣᠬᠢᠷᠲᠤᠯ ᠦᠭᠡᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠦᠢ᠍ᠯᠡᠳᠪᠦᠷᠢᠯᠡᠵᠦ᠂ ᠥᠪᠥᠷ ᠮᠣᠩᠭᠣᠯ᠎ᠤᠨ ᠪᠣᠬᠢᠷᠲᠤᠯ ᠦᠭᠡᠢ ᠴᠢᠨᠠᠷ ᠰᠠᠶ᠋ᠢᠲᠠᠶ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠲᠥᠷᠥᠯ ᠲᠡᠮᠳᠡᠭᠲᠦ ᠵᠢ ᠡᠭᠦᠳᠴᠦ᠂ ᠮᠠᠯᠴᠢᠨ ᠲᠠᠷᠢᠶᠠᠴᠢᠳ᠎ᠤᠨ ᠣᠷᠣᠯᠭ᠎ᠠ ᠵᠢ ᠲᠠᠰᠤᠷᠠᠯᠲᠠ ᠦᠭᠡᠢ ᠨᠡᠮᠡᠭᠳᠡᠭᠦᠯᠵᠦ᠂ ᠪᠣᠬᠢᠷᠲᠤᠯ ᠦᠭᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭ᠋ᠠᠬᠤ ᠰᠠᠭᠤᠷᠢᠨ ᠭᠠᠵᠠᠷ᠎ᠤᠨ ᠪᠥᠳᠥᠭᠡᠨ ᠪᠠᠶ᠋ᠢᠭᠤᠯᠤᠯᠲᠠ ᠵᠢ ᠠᠬᠢᠭᠤᠯᠬᠤ ᠶᠠᠪᠤᠳᠠᠯ ᠪᠤᠯᠤᠨ᠎ᠠ᠃
      ᠨᠢᠭᠡ᠂ ᠦᠢ᠍ᠯᠡᠳᠪᠦᠷᠢᠯᠡᠯ᠎ᠤᠨ ᠲᠠᠯ᠎ᠠ᠎ᠪᠠᠷ᠂ ᠪᠦᠲᠦᠴᠡ ᠵᠢ ᠲᠣᠬᠢᠷᠠᠭᠤᠯᠤᠨ ᠰᠢᠯᠢᠳᠡᠭᠵᠢᠭᠦᠯᠬᠦ ᠬᠡᠷᠡᠭᠲᠡᠶ᠃ ᠦᠢ᠍ᠯᠡᠳᠪᠦᠷᠢᠯᠡᠯ᠎ᠤᠨ ᠵᠠᠩᠭᠢᠯᠠᠭ᠎ᠠ ᠪᠤᠯ ᠲᠠᠷᠢᠶᠠᠯᠠᠩ ᠮᠠᠯ ᠠᠵᠤ ᠠᠬᠤᠶ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠲᠦᠯᠬᠢᠨ ᠠᠬᠢᠭᠤᠯᠬᠤ ᠰᠠᠭᠤᠷᠢ ᠪᠤᠯᠤᠨ᠎ᠠ᠃ ᠮᠠᠨ᠎ᠤ ᠤᠷᠤᠨ᠎ᠤ ᠲᠠᠷᠢᠶᠠᠯᠠᠩ ᠮᠠᠯ ᠠᠵᠤ ᠠᠬᠤᠶ ᠵᠢᠨ ᠡᠬᠢ ᠪᠠᠶᠠᠯᠢᠭ ᠡᠯᠪᠡᠭ ᠳᠡᠯᠪᠡᠭ ᠪᠠᠶ᠋ᠢᠭ᠎ᠠ ᠳᠠᠪᠠᠭᠤᠯᠢᠭ ᠲᠠᠯ᠎ᠠ᠎ᠪᠠᠨ ᠭᠦᠢ᠍ᠴᠡᠳ ᠪᠠᠳᠠᠷᠠᠭᠤᠯᠵᠤ᠂ ᠬᠡᠷᠡᠭᠯᠡᠭᠡᠨ᠎ᠤ ᠬᠡᠷᠡᠭᠴᠡᠭᠡ ᠱᠠᠭ᠋ᠠᠷᠳᠠᠯᠭ᠎ᠠ᠎ᠪᠠᠷ ᠦᠢ᠍ᠯᠡᠳᠪᠦᠷᠢᠯᠡᠯ᠎ᠤᠨ ᠪᠦᠲᠦᠴᠡ ᠵᠢ ᠲᠣᠬᠢᠷᠠᠭᠤᠯᠤᠨ ᠰᠢᠯᠢᠳᠡᠭᠵᠢᠭᠦᠯᠦᠨ᠎ᠡ᠃
      ᠸᠠᠩ ᠢᠦᠢ ᠹᠸᠩ᠄
      ᠨᠢᠭᠡ᠎ᠳᠤ ᠲᠠᠷᠢᠵᠤ ᠲᠡᠵᠢᠭᠡᠬᠦ ᠪᠦᠲᠦᠴᠡ᠎ᠪᠠᠨ ᠲᠣᠬᠢᠷᠠᠭᠤᠯᠤᠨ ᠰᠢᠯᠢᠳᠡᠭᠵᠢᠭᠦᠯᠦᠨ᠎ᠡ᠃ ᠮᠠᠨ᠎ᠤ ᠣᠷᠣᠨ᠎ᠤ ᠠᠮᠤ ᠪᠤᠳᠠᠭ᠋ᠠᠨ᠎ᠤ ᠭᠣᠣᠯ ᠭᠠᠷᠤᠯᠲᠠ ᠵᠢᠨ ᠮᠣᠵᠢ ᠣᠷᠣᠨ ᠪᠠ ᠮᠠᠯ ᠠᠵᠤ ᠠᠬᠤᠶ ᠵᠢᠨ ᠳᠤᠮᠤ ᠮᠤᠵᠢ ᠪᠣᠯᠬᠤ ᠳᠠᠪᠠᠭᠤᠯᠢᠭ᠎ᠲᠤ᠎ᠪᠠᠨ ᠰᠠᠭᠤᠷᠢᠯᠠᠨ᠂ ᠲᠠᠷᠢᠵᠦ ᠲᠡᠵᠢᠭᠡᠬᠦ ᠵᠢᠨ ᠬᠣᠭᠣᠷᠣᠨᠳᠣᠬᠢ ᠪᠦᠲᠦᠴᠡ ᠵᠢ ᠲᠣᠬᠢᠷᠠᠭᠤᠯᠵᠤ᠂ ᠲᠠᠷᠢᠵᠦ ᠲᠡᠵᠢᠭᠡᠬᠦ ᠵᠢ ᠤᠷᠴᠢᠯᠳᠤᠭᠤᠯᠬᠤ᠂ ᠠᠮᠤ ᠡᠪᠡᠰᠦ ᠵᠢ ᠬᠠᠮᠲᠤ᠎ᠳᠤᠨᠢ ᠬᠠᠷᠠᠭ᠋ᠠᠯᠵᠠᠬᠤ ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠢ ᠵᠢᠨ ᠲᠠᠷᠢᠵᠦ ᠲᠡᠵᠢᠭᠡᠬᠦ ᠪᠦᠲᠦᠴᠡ ᠵᠢ ᠪᠠᠢ᠌ᠭᠤᠯᠤᠨ᠎ᠠ᠃ ᠪᠣᠳᠠᠲᠠᠶ ᠰᠡᠳᠬᠢᠴᠡ ᠪᠤᠯ ᠨᠣᠭᠣᠭ᠋ᠠᠨ ᠳᠠᠷᠤᠰᠢ ᠵᠢᠨ ᠡᠷᠳᠡᠨᠢ ᠰᠢᠰᠢ ᠪᠠ ᠲᠡᠵᠢᠭᠡᠯ ᠡᠪᠡᠰᠦ ᠵᠢ ᠶᠡᠬᠡᠪᠡᠷ ᠬᠦᠭᠵᠢᠭᠦᠯᠵᠦ᠂ ᠮᠠᠯ᠎ᠤᠨ ᠬᠡᠪᠡᠯᠢ᠎ᠪᠠᠷ ᠳᠠᠮᠵᠢᠭᠤᠯᠤᠨ ᠬᠤᠪᠢᠷᠠᠭᠤᠯᠵᠤ᠂ ᠨᠣᠭᠣᠭ᠋ᠠᠨ ᠳᠠᠷᠤᠰᠢ ᠵᠢᠨ ᠡᠷᠳᠡᠨᠢ ᠰᠢᠰᠢ᠂ ᠲᠡᠵᠢᠭᠡᠯ ᠡᠪᠡᠰᠦ ᠵᠡᠷᠭᠡ ᠲᠡᠵᠢᠭᠡᠯ ᠪᠤᠷᠳᠤᠭ᠎ᠠ ᠵᠢ ᠮᠢᠬ᠎ᠠ᠂ ᠥᠨᠳᠡᠭᠡ᠂ ᠰᠦ᠂ ᠠᠷᠠᠰᠤ ᠨᠣᠣᠰᠣ ᠪᠤᠯᠭ᠋ᠠᠨ ᠬᠤᠪᠢᠷᠠᠭᠤᠯᠵᠤ᠂ ᠪᠦᠲᠦᠴᠡ ᠵᠢ ᠲᠣᠬᠢᠷᠠᠭᠤᠯᠬᠤ ᠪᠠ ᠣᠷᠣᠯᠭ᠎ᠠ ᠵᠢ ᠨᠡᠮᠡᠭᠳᠡᠭᠦᠯᠬᠦ᠎ᠪᠠᠷ 《ᠬᠣᠶᠠᠷ ᠲᠠᠯ᠎ᠠ᠎ᠪᠠᠷ ᠵᠶ᠋ᠠᠨ ᠠᠰᠢᠭ ᠬᠦᠷᠳᠡᠬᠦ》 ᠵᠢ ᠪᠡᠶᠡᠯᠡᠭᠦᠯᠦᠨ᠎ᠡ᠃ ᠲᠠᠷᠢᠮᠠᠯ᠎ᠤᠨ ᠦᠢ᠍ᠯᠡᠰ᠎ᠤᠨ ᠲᠠᠯ᠎ᠠ᠎ᠪᠠᠷ᠂ 《ᠲᠡᠵᠢᠭᠡᠬᠦ ᠵᠢᠨ ᠲᠥᠯᠥᠭᠡ ᠲᠠᠷᠢᠬᠤ᠂ ᠮᠠᠯᠵᠢᠬᠤ ᠵᠢᠨ ᠲᠤᠯᠦᠭᠡ ᠲᠠᠷᠢᠬᠤ》 ᠰᠡᠳᠬᠢᠴᠡ ᠵᠢᠨ ᠶᠤᠰᠤᠭ᠋ᠠᠷ᠂ ᠤᠯᠤᠰ᠎ᠠᠴᠠ 《ᠠᠮᠤ ᠵᠢ ᠪᠤᠷᠳᠤᠭ᠎ᠠ᠎ᠪᠠᠷ ᠦᠭᠡᠷᠡᠴᠢᠯᠡᠬᠦ》 ᠵᠢ ᠬᠡᠷᠡᠭᠵᠢᠭᠦᠯᠬᠦ ᠠᠵᠠ ᠲᠣᠬᠢᠶᠠᠯ᠎ᠢ ᠠᠳᠬᠤᠵᠤ᠂ ᠮᠦᠬᠦᠯᠢᠭᠲᠦ ᠡᠷᠳᠡᠨᠢ ᠰᠢᠰᠢ ᠲᠠᠷᠢᠬᠤ ᠲᠠᠯᠠᠪᠠᠢ ᠵᠢ ᠪᠠᠭ᠋ᠠᠰᠬᠠᠵᠤ᠂ ᠨᠣᠭᠣᠭ᠋ᠠᠨ ᠳᠠᠷᠤᠰᠢ ᠵᠢᠨ ᠡᠷᠳᠡᠨᠢ ᠰᠢᠰᠢ ᠪᠠ ᠲᠡᠵᠢᠭᠡᠯ ᠡᠪᠡᠰᠦ ᠲᠠᠷᠢᠬᠤ ᠲᠠᠯᠠᠪᠠᠢ ᠵᠢ ᠦᠷᠭᠡᠳᠬᠡᠨ᠎ᠡ᠃ ᠡᠨᠡ ᠵᠢᠯ᠎ᠤᠨ ᠭᠣᠣᠯᠳᠠᠯᠭ᠎ᠠ᠎ᠲᠠᠢ ᠡᠭᠦᠷᠭᠡ ᠪᠣᠯ ᠥᠨᠳᠥᠷ ᠥᠷᠭᠡᠷᠢᠭ᠂ ᠳᠠᠯᠠᠶ ᠵᠢᠨ ᠲᠦᠪᠰᠢᠨ᠎ᠠᠴᠠ ᠥᠨᠳᠥᠷ ᠣᠷᠣᠨ᠎ᠳᠤ ᠪᠠ ᠬᠦᠨᠳᠦ ᠨᠣᠴᠢᠲᠠᠶ ᠭᠠᠩ ᠬᠠᠭᠤᠷᠠᠶ ᠣᠷᠣᠨ᠎ᠳᠤ ᠮᠦᠬᠦᠯᠢᠭᠲᠦ ᠡᠷᠳᠡᠨᠢ ᠰᠢᠰᠢ ᠲᠠᠷᠢᠬᠤ ᠲᠠᠯᠠᠪᠠᠢ ᠵᠢ 200 ᠲᠦᠮᠡᠨ ᠮᠦ᠍ ᠪᠠᠭ᠋ᠠᠰᠬᠠᠨ᠎ᠠ; ᠨᠣᠭᠣᠭ᠋ᠠᠨ ᠳᠠᠷᠤᠰᠢ ᠵᠢᠨ ᠡᠷᠳᠡᠨᠢ ᠰᠢᠰᠢ ᠲᠠᠷᠢᠬᠤ ᠲᠠᠯᠠᠪᠠᠢ ᠵᠢ 300 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠵᠦ᠂ 800 ᠲᠦᠮᠡᠨ ᠮᠦ᠍᠎ᠳᠤ ᠬᠦᠷᠦᠭᠦᠯᠦᠨ᠎ᠡ; ᠴᠢᠨᠠᠷ ᠰᠠᠢ᠌ᠨ ᠥᠨᠳᠥᠷ ᠤᠨᠠᠯᠲᠠ᠎ᠲᠠᠢ ᠪᠤᠷᠤ ᠴᠠᠷᠭ᠋ᠠᠰᠤ ᠲᠡᠷᠢᠬᠤ ᠲᠠᠯᠠᠪᠠᠢ ᠵᠢ 25 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠵᠦ᠂ 900 ᠲᠦᠮᠡᠨ ᠮᠦ᠍ ᠬᠦᠷᠦᠭᠦᠯᠦᠨ᠎ᠡ᠃
      ᠸᠠᠩ ᠢᠦᠢ ᠹᠸᠩ᠄
      ᠮᠠᠯ ᠠᠵᠤ ᠠᠬᠤᠢ ᠵᠢᠨ ᠲᠠᠯ᠎ᠠ᠎ᠪᠠᠷ᠂ 《ᠬᠤᠨᠢ ᠵᠢ ᠦᠬᠡᠷ᠎ᠢ ᠪᠠᠲᠤᠯᠠᠨ ᠨᠡᠮᠡᠭᠳᠡᠭᠦᠯᠬᠦ》 ᠪᠠ ᠭᠠᠬᠠᠶ ᠵᠢᠭᠦᠷᠲᠡᠨ᠎ᠤ ᠠᠵᠤ ᠦᠢ᠍ᠯᠡᠰ᠎ᠤᠨ ᠰᠢᠯᠵᠢᠯᠲᠡ ᠵᠢ ᠢᠳᠡᠪᠬᠢᠲᠡᠶ᠎ᠪᠠᠷ ᠵᠠᠯᠭ᠋ᠠᠨ ᠠᠪᠬᠤ ᠵᠢ ᠬᠡᠷᠡᠭᠵᠢᠭᠦᠯᠵᠦ᠂ ᠭᠠᠬᠠᠶ ᠵᠢᠭᠦᠷᠲᠡᠨ᠎ᠢ ᠲᠡᠵᠢᠭᠡᠨ ᠦᠷᠡᠵᠢᠭᠦᠯᠬᠦ ᠳᠤᠲᠠᠭᠤ ᠲᠠᠯ᠎ᠠ ᠵᠢ ᠨᠦᠬᠦᠪᠦᠷᠢᠯᠡᠵᠦ᠂ ᠲᠠᠷᠢᠶᠠᠯᠠᠩ ᠮᠠᠯ ᠠᠵᠤ ᠠᠬᠤᠶ ᠵᠢ ᠤᠶᠠᠯᠳᠤᠭᠤᠯᠵᠤ᠂ ᠬᠡᠪᠡᠯᠢ᠎ᠪᠠᠷ ᠳᠠᠮᠵᠢᠭᠤᠯᠤᠨ ᠤᠯᠠᠷᠢᠨ ᠰᠢᠯᠵᠢᠭᠦᠯᠬᠦ᠎ᠪᠠᠷ ᠳᠠᠮᠵᠢᠨ᠂ ᠲᠠᠷᠢᠶᠠᠯᠠᠩ ᠮᠠᠯ ᠠᠵᠤ ᠠᠬᠤᠶ ᠵᠢᠨ ᠪᠦᠲᠦᠴᠡ ᠵᠢ ᠲᠤᠬᠢᠷᠠᠭᠤᠯᠵᠤ᠂ ᠠᠮᠢ ᠠᠬᠤᠶ ᠵᠢᠨ ᠬᠠᠮᠠᠭ᠋ᠠᠯᠠᠬᠤ ᠪᠠ ᠮᠠᠯᠴᠢᠨ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠵᠢ ᠪᠡᠶᠡᠯᠡᠭᠦᠯᠦᠨ᠎ᠡ᠃ ᠡᠨᠡ ᠵᠢᠯ᠎ᠤᠨ ᠭᠣᠣᠯᠳᠠᠯᠭ᠎ᠠ ᠪᠣᠯ 《ᠮᠢᠩᠭ᠎ᠠ ᠲᠦᠮᠡᠨ ᠲᠣᠯᠣᠭ᠋ᠠᠶ ᠠᠯᠠᠰᠢᠨ ᠦᠬᠡᠷ᠎ᠤᠨ ᠬᠥᠭᠵᠢᠯᠲᠡ ᠵᠢᠨ ᠲᠥᠯᠥᠪᠵᠢᠭᠦᠯᠭᠡ》 ᠵᠢ ᠲᠣᠭᠲᠠᠭ᠋ᠠᠵᠤ᠂ ᠭᠠᠳᠠᠭ᠋ᠠᠳᠤ᠎ᠠᠴᠠ ᠴᠢᠨᠠᠷ ᠰᠠᠶ᠋ᠢᠲᠠᠶ ᠠᠯᠠᠰᠢᠨ ᠦᠬᠡᠷ᠎ᠤᠨ ᠡᠭᠦᠯᠳᠡᠷ᠎ᠤᠨ ᠦᠬᠡᠷ᠎ᠢ 1.6 ᠲᠦᠮᠡᠨ ᠲᠣᠯᠣᠭ᠋ᠠᠶ ᠣᠷᠣᠭᠤᠯᠬᠤ᠎ᠳᠤ ᠨᠦᠬᠦᠪᠦᠷᠢ ᠦᠭᠬᠦ ᠠᠵᠢᠯ᠎ᠢ ᠰᠠᠶ᠋ᠢᠲᠤᠷ ᠬᠡᠷᠡᠭᠵᠢᠭᠦᠯᠵᠦ᠂ ᠰᠠᠭᠤᠷᠢ ᠦᠨᠢᠶ᠎ᠡ ᠵᠢᠨ ᠰᠦᠷᠦᠭ᠎ᠢ ᠦᠷᠭᠡᠳᠬᠡᠨ ᠲᠤᠭ᠎ᠠ ᠵᠢ ᠨᠡᠮᠡᠭᠳᠡᠭᠦᠯᠬᠦ ᠵᠢ ᠠᠬᠢᠭᠤᠯᠤᠨ᠎ᠠ᠃ 《13 · 5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠰᠡᠭᠦᠯᠴᠢ ᠪᠤᠯᠬᠤ᠎ᠳᠤ᠂ ᠠᠯᠠᠰᠢᠨ ᠦᠬᠡᠷ᠎ᠤᠨ ᠲᠤᠭ᠎ᠠ ᠣᠳᠣᠬᠠᠨ᠎ᠳᠤ ᠪᠦᠬᠦ ᠤᠯᠤᠰ᠎ᠲᠤ 9 ᠳ᠋ᠦ᠍ᠭᠡᠷ᠎ᠲᠤ ᠵᠢᠭᠰᠠᠵᠤ ᠪᠠᠢ᠌ᠬᠤ᠎ᠠᠴᠠ᠎ᠨᠢ ᠡᠮᠦᠨ᠎ᠡ 5᠎ᠳᠤ ᠤᠷᠤᠭᠤᠯᠵᠤ᠂ ᠦᠬᠡᠷ᠎ᠤᠨ ᠮᠢᠬᠠᠨ᠎ᠤ ᠭᠠᠷᠤᠯᠲᠠ ᠵᠢ ᠪᠦᠬᠦ ᠤᠯᠤᠰ᠎ᠤᠨ ᠲᠦᠷᠦᠭᠦᠦ 3 ᠵᠢᠨ ᠬᠢᠷᠢ ᠬᠡᠮᠵᠢᠶ᠎ᠡ ᠵᠢ ᠪᠠᠲᠤᠯᠠᠵᠤ᠂ ᠪᠦᠬᠦ ᠤᠯᠤᠰ᠎ᠤᠨ ᠴᠢᠨᠠᠷ ᠰᠠᠶ᠋ᠢᠲᠠᠶ ᠦᠬᠡᠷ᠎ᠤᠨ ᠮᠢᠬ᠎ᠠ ᠦᠢ᠍ᠯᠡᠳᠪᠦᠷᠢᠯᠡᠵᠦ ᠡᠳ᠋ᠰᠢᠭᠦᠯᠵᠦ ᠭᠠᠳᠠᠭᠰᠢ ᠭᠠᠷᠭ᠋ᠠᠬᠤ ᠴᠢᠬᠤᠯᠠ ᠰᠠᠭᠤᠷᠢᠨ ᠭᠠᠵᠠᠷ ᠪᠤᠯᠭ᠋ᠠᠬᠤ᠎ᠪᠠᠷ ᠴᠢᠷᠮᠠᠢ᠌ᠨ᠎ᠠ᠃
      ᠸᠠᠩ ᠢᠦᠢ ᠹᠸᠩ᠄
      ᠬᠣᠶᠠᠷ᠎ᠲᠤ ᠣᠷᠣᠨ ᠪᠦᠰᠡ ᠵᠢᠨ ᠪᠦᠲᠦᠴᠡ ᠵᠢ ᠲᠤᠬᠢᠷᠠᠭᠤᠯᠤᠨ ᠰᠢᠯᠢᠳᠡᠭᠵᠢᠭᠦᠯᠦᠨ᠎ᠡ᠃ ᠲᠠᠷᠢᠮᠠᠯ᠎ᠤᠨ ᠦᠢ᠍ᠯᠡᠰ᠎ᠤᠨ ᠲᠠᠯ᠎ᠠ᠎ᠪᠠᠷ᠂ ᠵᠡᠭᠦᠨ ᠬᠡᠰᠡᠭ᠎ᠤᠨ ᠡᠷᠳᠡᠨᠢ ᠰᠢᠰᠢ ᠵᠢᠨ ᠳᠠᠪᠠᠭᠤᠯᠢᠭ ᠠᠵᠤ ᠦᠢ᠍ᠯᠡᠰ᠎ᠤᠨ ᠪᠦᠰᠡ ᠪᠤᠯᠤᠨ ᠪᠠᠷᠠᠭᠤᠨ ᠬᠡᠰᠡᠭ᠎ᠤᠨ ᠬᠠᠳᠤᠨ ᠭᠣᠣᠯ᠎ᠤᠨ ᠤᠰᠤᠯᠠᠯᠲᠠ ᠵᠢᠨ ᠣᠷᠣᠨ᠎ᠤ ᠡᠷᠳᠡᠨᠢ ᠰᠢᠰᠢ ᠵᠢᠨ ᠳᠠᠪᠠᠭᠤᠯᠢᠭ ᠠᠵᠤ ᠦᠢ᠍ᠯᠡᠰ᠎ᠤᠨ ᠪᠦᠰᠡ᠂ ᠬᠠᠳᠤᠨ ᠭᠣᠣᠯ᠎ᠤᠨ ᠤᠰᠤᠯᠠᠯᠲᠠ ᠵᠢᠨ ᠣᠷᠣᠨ ᠳᠠᠭ᠋ᠠᠤ ᠴᠢᠨᠠᠷ ᠰᠠᠶ᠋ᠢᠲᠠᠶ ᠪᠤᠭᠤᠳᠠᠢ ᠵᠢᠨ ᠳᠠᠪᠠᠭᠤᠯᠢᠭ ᠣᠷᠣᠨ᠂ ᠮᠤᠨᠢ ᠠᠭᠤᠯᠠ ᠵᠢᠨ ᠠᠷᠤ ᠬᠤᠷᠮᠤᠢ ᠵᠢᠨ ᠲᠦᠮᠦᠰᠦ ᠵᠢᠨ ᠳᠠᠪᠠᠭᠤᠯᠢᠭ ᠣᠷᠣᠨ᠂ ᠵᠡᠭᠦᠨ ᠬᠣᠶ᠋ᠢᠲᠤ ᠣᠷᠣᠨ᠎ᠤ ᠭᠧᠨ ᠬᠤᠪᠢᠷᠠᠭᠤᠯᠤᠭᠰᠠᠨ ᠪᠤᠰᠤ ᠲᠤᠰᠤ ᠶᠡᠬᠡᠲᠡᠶ ᠰᠢᠷ᠎ᠠ ᠪᠤᠷᠴᠠᠭ᠎ᠤᠨ ᠳᠠᠪᠠᠭᠤᠯᠢᠭ ᠣᠷᠣᠨ᠂ ᠵᠡᠭᠦᠨ ᠳᠦᠷᠪᠡᠨ ᠠᠶ᠋ᠢᠮᠠᠭ ᠬᠤᠳᠠ ᠵᠢᠨ ᠴᠢᠨᠠᠷ ᠰᠠᠶ᠋ᠢᠲᠠᠶ ᠲᠤᠲᠤᠷᠭ᠎ᠠ ᠵᠢᠨ ᠳᠠᠪᠠᠭᠤᠯᠢᠭ ᠤᠷᠤᠨ ᠵᠡᠷᠭᠡ 《ᠬᠣᠶᠠᠷ ᠪᠦᠰᠡ ᠳᠦᠷᠪᠡᠨ ᠣᠷᠣᠨ》᠎ᠤ ᠪᠦᠲᠦᠭᠡᠨ ᠪᠠᠶ᠋ᠢᠭᠤᠯᠤᠯᠲᠠ ᠵᠢ ᠭᠤᠤᠯᠳᠠᠯᠭ᠎ᠠ᠎ᠲᠠᠢ ᠲᠦᠯᠬᠢᠨ ᠠᠬᠢᠭᠤᠯᠤᠨ᠎ᠠ᠃ ᠮᠠᠯ ᠠᠵᠤ ᠠᠬᠤᠢ ᠵᠢᠨ ᠲᠠᠯ᠎ᠠ᠎ᠪᠠᠷ᠂ ᠲᠦᠮᠡᠳ᠎ᠤᠨ ᠲᠠᠯ᠎ᠠ᠂ ᠪᠣᠷᠣᠲᠣᠬᠣᠶ ᠵᠢᠨ ᠲᠠᠯ᠎ᠠ ᠭᠠᠵᠠᠷ᠂ ᠰᠢᠯᠢ ᠵᠢᠨ ᠭᠣᠣᠯ ᠠᠶ᠋ᠢᠮᠠᠭ ᠪᠠ ᠤᠯᠠᠭ᠋ᠠᠨᠴᠠᠪ ᠬᠤᠳᠠ ᠵᠢᠨ ᠲᠠᠷᠢᠶᠠᠯᠠᠬᠤ ᠮᠠᠯᠵᠢᠬᠤ ᠰᠣᠯᠪᠢᠴᠠᠭᠰᠠᠨ ᠣᠷᠣᠨ᠂ ᠬᠣᠷᠴᠢᠨ᠎ᠤ ᠲᠠᠯ᠎ᠠ ᠨᠤᠲᠤᠭ ᠪᠣᠯᠤᠨ ᠪᠠᠷᠠᠭᠤᠨ ᠯᠢᠶᠣᠤ ᠾᠸ ᠭᠤᠤᠯ᠎ᠤᠨ ᠲᠠᠯ᠎ᠠ ᠣᠷᠣᠨ᠂ ᠶᠡᠬᠡ ᠬᠢᠩᠭ᠋ᠠᠨ ᠳᠠᠪᠠᠭ᠎ᠠ ᠵᠢᠨ ᠳᠠᠪᠠᠭ᠋ᠠᠨ᠎ᠤ ᠪᠠᠷᠠᠭᠤᠨ ᠤᠷᠤᠨ ᠵᠡᠷᠭᠡ 《ᠦᠨᠢᠶᠡᠨ ᠰᠥ᠍ ᠦᠢ᠍ᠯᠡᠳᠪᠦᠷᠢᠯᠡᠬᠦ ᠲᠠᠪᠤᠨ ᠲᠤᠮᠤ ᠣᠷᠣᠨ》᠎ᠤ ᠪᠦᠳᠦᠭᠡᠠ ᠪᠠᠢ᠌ᠭᠤᠯᠤᠯᠲᠠ ᠵᠢ ᠭᠣᠣᠯᠳᠠᠯᠭ᠎ᠠ᠎ᠲᠠᠢ ᠰᠠᠶ᠋ᠢᠲᠤᠷ ᠠᠳᠬᠤᠨ᠎ᠠ; ᠲᠠᠯ᠎ᠠ ᠨᠤᠲᠤᠭ᠎ᠤᠨ ᠮᠠᠯᠵᠢᠬᠤ ᠣᠷᠣᠨ᠂ ᠬᠠᠭ᠋ᠠᠰ ᠲᠠᠷᠢᠶᠠᠯᠠᠬᠤ ᠬᠠᠭ᠋ᠠᠰ ᠮᠠᠯᠵᠢᠬᠤ ᠣᠷᠣᠨ ᠪᠣᠯᠤᠨ ᠲᠠᠷᠢᠶᠠᠯᠠᠬᠤ ᠣᠷᠣᠨ᠎ᠤ 《ᠠᠯᠠᠰᠢᠨ ᠬᠤᠨᠢ ᠲᠡᠵᠢᠭᠡᠨ ᠦᠷᠡᠵᠢᠭᠦᠯᠬᠦ ᠭᠤᠷᠪᠠᠨ ᠲᠤᠮᠤ ᠤᠷᠤᠨ》᠎ᠤ ᠪᠦᠲᠦᠭᠡᠨ ᠪᠠᠶ᠋ᠢᠭᠤᠯᠤᠯᠲᠠ ᠵᠢ ᠭᠤᠤᠯᠳᠠᠯᠭ᠎ᠠ᠎ᠲᠠᠢ ᠠᠳᠬᠤᠨ᠎ᠠ; ᠠᠯᠠᠰᠢᠨ ᠦᠬᠡᠷ᠎ᠨᠢ ᠳᠤᠮᠳᠠ ᠪᠠ ᠵᠡᠭᠦᠨ ᠬᠡᠰᠡᠭ᠎ᠤᠨ ᠤᠯᠠᠮᠵᠢᠯᠠᠯᠲᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠣᠷᠣᠨ ᠪᠤᠯᠤᠨ ᠪᠠᠷᠠᠭᠤᠨ ᠬᠡᠰᠡᠭ᠎ᠤᠨ ᠳᠡᠭᠡᠳᠦ ᠲᠡᠰ᠎ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠣᠷᠣᠨ᠎ᠤ ᠪᠦᠳᠦᠭᠡᠠ ᠪᠠᠢ᠌ᠭᠤᠯᠤᠯᠲᠠ ᠵᠢ ᠭᠤᠤᠯᠳᠠᠯᠭ᠎ᠠ᠎ᠲᠠᠢ ᠠᠳᠬᠤᠨ᠎ᠠ; ᠥᠪᠥᠷ ᠮᠣᠩᠭᠣᠯ᠎ᠤᠨ ᠴᠠᠭ᠋ᠠᠨ ᠨᠣᠯᠤᠤᠷ᠎ᠤᠨ ᠢᠮᠠᠭ᠎ᠠ᠎ᠪᠠᠷ ᠭᠣᠣᠯ ᠪᠣᠯᠭ᠋ᠠᠭᠰᠠᠨ 《ᠡᠭᠦᠯᠳᠡᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠣᠷᠣᠨ》᠎ᠤ ᠪᠦᠳᠤᠭᠡᠨ ᠪᠠᠶ᠋ᠢᠭᠤᠯᠤᠯᠲᠠ ᠵᠢ ᠭᠤᠤᠯᠳᠠᠯᠭ᠎ᠠ᠎ᠲᠠᠢ ᠰᠠᠢ᠌ᠨ ᠠᠳᠬᠤᠨ᠎ᠠ᠃    
      ᠸᠠᠩ ᠢᠦᠢ ᠹᠸᠩ᠄
      ᠭᠤᠷᠪᠠ᠎ᠳᠤ ᠴᠢᠨᠠᠷ ᠰᠠᠶ᠋ᠢᠲᠠᠶ ᠦᠢ᠍ᠯᠡᠳᠬᠦᠨ᠎ᠤ ᠬᠤᠪᠢ ᠵᠢᠨ ᠵᠢᠩ᠎ᠢ ᠥᠷᠭᠡᠳᠬᠡᠨ᠎ᠡ᠃ ᠲᠠᠷᠢᠶᠠᠯᠠᠩ ᠮᠠᠯ ᠠᠵᠤ ᠠᠬᠤᠶ ᠵᠢᠨ ᠬᠠᠩᠭ᠋ᠠᠯᠭ᠎ᠠ ᠵᠢᠨ ᠲᠠᠯ᠎ᠠ ᠵᠢᠨ ᠠᠰᠠᠭᠤᠳᠠᠯ ᠭᠠᠷᠤᠭᠰᠠᠨ ᠰᠢᠯᠲᠠᠭ᠋ᠠᠨ᠎ᠨᠢ᠂ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ᠎ᠤᠨ ᠪᠦᠬᠦᠯᠢ ᠴᠣᠭᠴᠠ᠎ᠳᠤᠨᠢ ᠠᠷᠠᠳ ᠤᠯᠠᠨ᠎ᠤ ᠲᠠᠯᠪᠢᠵᠤ ᠪᠠᠢ᠌ᠭ᠎ᠠ ᠣᠨᠴᠠᠯᠢᠭ᠎ᠲᠠᠢ᠂ ᠪᠣᠬᠢᠷᠲᠤᠯ ᠦᠭᠡᠢ᠂ ᠡᠷᠡᠭᠦᠯ ᠪᠦᠲᠦᠭᠡᠭᠳᠡᠬᠦᠨ᠎ᠤ ᠬᠡᠷᠡᠭᠴᠡᠭᠡ ᠱᠠᠭ᠋ᠠᠷᠳᠠᠯᠭ᠎ᠠ ᠵᠢ ᠳᠠᠭ᠋ᠠᠭᠤᠯᠤᠨ ᠴᠠᠭ ᠲᠤᠬᠠᠶ᠎ᠳᠤᠨᠢ ᠲᠣᠬᠢᠷᠠᠭᠤᠯᠭ᠎ᠠ ᠬᠢᠭᠰᠡᠨ ᠦᠭᠡᠢ᠎ᠠᠴᠠ ᠪᠦᠲᠦᠭᠡᠭᠳᠡᠬᠦᠨ᠎ᠤ ᠪᠣᠷᠣᠯᠠᠭᠤᠯᠬᠤ ᠵᠠᠮ ᠨᠥᠯᠥᠭᠡᠯᠡᠭᠳᠡᠭᠰᠡᠨ᠎ᠳᠤ ᠪᠤᠢ᠃ ᠭᠡᠪᠡᠴᠦ ᠵᠠᠷᠢᠮ ᠠᠵᠤ ᠠᠬᠤᠶ᠋ᠢᠯᠠᠯ᠎ᠨᠢ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠨᠡᠶ᠋ᠢᠴᠡᠭᠰᠡᠨ ᠦᠢ᠍ᠯᠡᠳᠬᠦᠨ ᠦᠢ᠍ᠯᠡᠳᠪᠦᠷᠢᠯᠡᠵᠦ᠂ ᠵᠠᠬ᠎ᠠ ᠳᠡᠯᠭᠡᠭᠦᠷ᠎ᠤᠨ 《ᠬᠠᠷᠢᠭᠤ ᠬᠦᠷᠲᠡᠭᠡᠮᠵᠢ》 ᠵᠢ ᠣᠯᠣᠭᠰᠠᠨ ᠪᠠᠢ᠌ᠨ᠎ᠠ᠃ ᠡᠨᠡ᠎ᠨᠢ ᠪᠢᠳᠡᠨ᠎ᠳᠤ᠂ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠬᠠᠨᠳᠤᠭᠤᠯᠤᠨ᠂ ᠲᠠᠷᠢᠮᠠᠯ ᠲᠡᠵᠢᠭᠡᠪᠦᠷᠢ ᠵᠢᠨ ᠡᠭᠦᠯᠳᠡᠷ ᠲᠥᠷᠥᠯ᠎ᠢ ᠲᠣᠬᠢᠷᠠᠭᠤᠯᠵᠤ᠂ ᠣᠷᠣᠨ ᠪᠦᠰᠡ ᠵᠢᠨ ᠣᠨᠴᠠᠯᠢᠭ᠎ᠲᠠᠢ᠂ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠵᠠᠷ ᠵᠦᠢ ᠵᠢᠨ ᠪᠡᠯᠭᠡ ᠲᠡᠮᠳᠡᠭ᠎ᠲᠠᠢ᠂ ᠪᠣᠬᠢᠷᠲᠤᠯ ᠦᠭᠡᠶ ᠢᠳᠡᠭᠡᠨ᠎ᠤ ᠦᠨᠡᠮᠰᠢᠯᠲᠡ᠎ᠲᠠᠢ᠂ ᠣᠷᠭ᠋ᠠᠨᠢᠭ ᠢᠳᠡᠭᠡᠨ᠎ᠤ ᠨᠤᠲᠠᠯᠠᠨ ᠦᠨᠡᠮᠰᠢᠯᠲᠡ᠎ᠲᠠᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠲᠡᠵᠢᠭᠡᠨ ᠦᠷᠡᠵᠢᠭᠦᠯᠬᠦ ᠲᠣᠭ᠎ᠠ ᠪᠠ ᠲᠠᠷᠢᠬᠤ ᠲᠠᠯᠠᠪᠠᠢ ᠵᠢ ᠥᠷᠭᠡᠳᠬᠡᠬᠦ ᠬᠡᠷᠡᠭᠲᠡᠢ ᠭᠡᠳᠡᠭ᠎ᠢ ᠰᠠᠨᠠᠭᠤᠯᠵᠠᠢ᠃ ᠡᠢ᠌ᠮᠦ᠎ᠠᠴᠠ ᠰᠥᠨᠢᠳ ᠬᠣᠨᠢᠨ ᠮᠢᠬ᠎ᠠ᠂ ᠦᠵᠦᠮᠦᠴᠢᠨ ᠬᠣᠨᠢᠨ ᠮᠢᠬ᠎ᠠ᠂ ᠠᠷᠪᠠᠰ᠎ᠤᠨ ᠨᠣᠯᠣᠤᠷ᠎ᠤᠨ ᠴᠠᠭ᠋ᠠᠨ ᠢᠮᠠᠭ᠎ᠠ᠂ ᠣᠷᠳᠣᠰ᠎ᠤᠨ ᠨᠠᠷᠢᠨ ᠨᠤᠤᠰᠤᠳᠤ ᠬᠤᠨᠢ᠂ ᠤᠯᠠᠭ᠋ᠠᠨᠴᠠᠪ᠎ᠤᠨ ᠲᠥᠮᠥᠰᠥ᠂ ᠦᠶᠤᠸᠠᠨ᠎ᠤ ᠪᠤᠭᠤᠳᠠᠢ᠂ ᠪᠣᠷᠣᠲᠣᠬᠣᠶ ᠵᠢᠨ ᠨᠡᠷᠡᠨ ᠬᠤᠸᠠᠷ᠂ ᠤᠯᠠᠭ᠋ᠠᠨᠬᠠᠳᠠ ᠵᠢᠨ ᠨᠣᠭᠣᠭ᠋ᠠᠨ ᠪᠤᠷᠴᠠᠭ᠂ ᠵᠠᠯᠠᠨ ᠠᠶ᠋ᠢᠯ᠎ᠤᠨ ᠲᠤᠲᠤᠷᠭ᠎ᠠ ᠵᠡᠷᠭᠡ ᠭᠠᠵᠠᠷ ᠣᠷᠣᠨ᠎ᠤ ᠣᠨᠴᠠᠯᠢᠭ᠎ᠲᠠᠢ᠂ ᠪᠣᠬᠢᠷᠲᠤᠯ ᠥᠭᠡᠢ ᠣᠷᠭ᠋ᠠᠨᠢᠭ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠢ ᠳᠤᠪᠤᠶ᠋ᠢᠮ᠎ᠠ ᠰᠠᠶ᠋ᠢᠲᠤᠷ ᠠᠳᠬᠤᠵᠤ᠂ ᠵᠠᠬ᠎ᠠ ᠳᠡᠯᠭᠡᠭᠦᠷ᠎ᠲᠤ ᠴᠢᠨᠠᠷ ᠰᠠᠢ᠌ᠲᠠᠢ ᠨᠡᠩ ᠤᠯᠠᠨ ᠠᠩᠬᠠᠨ᠎ᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠬᠠᠩᠭ᠋ᠠᠬᠤ ᠬᠡᠷᠡᠭᠲᠡᠢ ᠪᠠᠢ᠌ᠨ᠎ᠠ᠃

      ᠸᠠᠩ ᠢᠦᠢ ᠹᠸᠩ᠄
      ᠬᠣᠶᠠᠷ᠂ ᠡᠳ᠋ᠰᠢᠭᠦᠯᠵᠦ ᠪᠣᠯᠪᠠᠰᠤᠷᠠᠭᠤᠯᠬᠤ ᠲᠠᠯ᠎ᠠ᠎ᠪᠠᠷ᠂ ᠬᠡᠯᠪᠡᠷᠢ ᠵᠢ᠎ᠨᠢ ᠬᠤᠪᠢᠷᠠᠭᠤᠯᠤᠨ ᠳᠡᠰ ᠳᠡᠪᠰᠢᠭᠦᠯᠦᠨ᠎ᠡ᠃
      ᠦᠢ᠍ᠯᠡᠳᠪᠦᠷᠢᠯᠡᠯ᠎ᠤᠨ ᠵᠠᠩᠭᠢᠯᠠᠭ᠎ᠠ ᠪᠣᠯ ᠲᠠᠷᠢᠶᠠᠯᠠᠩ ᠮᠠᠯ ᠠᠵᠤ ᠠᠬᠤᠶ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠲᠦᠯᠬᠢᠨ ᠠᠬᠢᠭᠤᠯᠬᠤ ᠵᠠᠩᠭᠢᠯᠠᠭ᠎ᠠ ᠮᠥᠨ᠃ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠰᠠᠭᠤᠷᠢᠯᠠᠨ᠂ ᠪᠣᠬᠢᠷᠲᠤᠯ ᠥᠭᠡᠢ᠂ ᠣᠷᠭ᠋ᠠᠨᠢᠭ᠂ ᠡᠷᠡᠭᠦᠯ᠂ ᠰᠢᠮ᠎ᠡ ᠲᠡᠵᠢᠭᠡᠯᠲᠦ᠂ ᠴᠢᠨᠠᠭᠰᠢᠯᠠᠪᠠᠯ ᠥᠨᠳᠥᠷ ᠲᠦᠪᠰᠢᠨ᠎ᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠵᠦ ᠪᠣᠯᠪᠠᠰᠤᠷᠠᠭᠤᠯᠤᠨ᠎ᠠ᠃
      ᠨᠢᠭᠡ᠎ᠳᠤ ᠬᠡᠷᠡᠭᠯᠡᠭᠡ ᠵᠢᠨ ᠵᠢᠯᠣᠭᠣᠳᠤᠮᠵᠢ ᠵᠢ ᠲᠣᠪᠣᠢ᠌ᠯᠭ᠋ᠠᠨ᠎ᠠ᠃ ᠰᠢᠨ᠎ᠡ ᠰᠣᠷᠭᠣᠭ ᠠᠩᠬᠠᠨ᠎ᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠵᠶ᠋ᠡᠷ ᠭᠣᠣᠯ ᠪᠣᠯᠭ᠋ᠠᠭᠰᠠᠨ ᠨᠡᠢ᠌ᠲᠡ ᠵᠢᠨ ᠬᠦᠨᠦᠭᠡᠯ ᠦᠭᠡᠢ ᠪᠣᠬᠢᠷᠲᠤᠯ ᠦᠭᠡᠶ ᠲᠠᠷᠢᠶᠠᠯᠠᠩ᠎ᠤᠨ ᠪᠦᠲᠦᠭᠡᠭᠳᠡᠬᠦᠨ᠎ᠢ ᠡᠷᠴᠢᠮᠲᠡᠢ ᠬᠥᠭᠵᠢᠭᠦᠯᠵᠦ᠂ ᠳᠤᠮᠳᠠ ᠪᠠ ᠳᠡᠭᠡᠳᠦ ᠳᠡᠰ᠎ᠤᠨ ᠢᠳᠡᠭᠡᠨ ᠪᠣᠯᠪᠠᠰᠤᠷᠠᠭᠤᠯᠬᠤ ᠪᠠ ᠵᠠᠬ᠎ᠠ ᠳᠡᠯᠭᠡᠭᠦᠷ ᠵᠶ᠋ᠡᠷ ᠭᠣᠣᠯ ᠪᠣᠯᠭ᠋ᠠᠭᠰᠠᠨ ᠪᠣᠬᠢᠷᠲᠤᠯ ᠦᠭᠡᠶ ᠢᠳᠡᠭᠡᠨ᠎ᠢ ᠯᠠᠪᠳᠠᠭᠤᠨ ᠵᠶ᠋ᠠᠷ ᠬᠥᠭᠵᠢᠭᠦᠯᠵᠦ᠂ ᠳᠡᠭᠡᠳᠦ ᠳᠡᠰ᠎ᠤᠨ ᠦᠢ᠍ᠯᠡᠳᠬᠦᠨ ᠵᠶ᠋ᠡᠷ ᠭᠣᠣᠯ ᠪᠣᠯᠭ᠋ᠠᠭᠰᠠᠨ ᠣᠷᠭ᠋ᠠᠨᠢᠭ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠷᠡᠭᠦᠯ ᠵᠶ᠋ᠠᠷ ᠬᠥᠭᠵᠢᠭᠦᠯᠵᠦ᠂ ᠲᠤᠰᠬᠠᠶ ᠬᠡᠷᠡᠭᠯᠡᠭᠡ ᠵᠢ ᠬᠠᠩᠭ᠋ᠠᠨ᠎ᠠ; ᠣᠨᠴᠠ ᠲᠣᠭᠲᠠᠭ᠋ᠠᠭᠰᠠᠨ ᠭᠠᠵᠠᠷ ᠣᠷᠣᠨ ᠪᠠ ᠦᠢ᠍ᠯᠡᠳᠪᠦᠷᠢᠯᠡᠯ᠎ᠤᠨ ᠠᠷᠭ᠎ᠠ ᠬᠡᠯᠪᠡᠷᠢ ᠪᠦᠬᠦᠢ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠵᠠᠷ ᠵᠦᠢ ᠵᠢᠨ ᠪᠡᠯᠭᠡ ᠲᠡᠮᠳᠡᠭᠲᠦ ᠪᠦᠲᠦᠭᠡᠭᠳᠡᠬᠦᠨ᠎ᠢ ᠭᠦᠨᠴᠡ᠎ᠲᠠᠢ ᠬᠥᠭᠵᠢᠭᠦᠯᠵᠦ᠂ ᠣᠨᠴᠠᠯᠢᠭ᠎ᠲᠠᠢ ᠪᠦᠲᠦᠭᠡᠭᠳᠡᠬᠦᠨ᠎ᠢ ᠠᠭᠤᠳᠠᠯᠤᠨ᠂ ᠲᠠᠯ᠎ᠠ ᠨᠤᠲᠤᠭ᠎ᠤᠨ ᠰᠣᠶᠣᠯ ᠪᠠ ᠲᠠᠷᠢᠶᠠᠯᠠᠬᠤ ᠰᠣᠶᠣᠯ᠎ᠢ ᠰᠠᠢ᠌ᠲᠤᠷ ᠤᠯᠠᠮᠵᠢᠯᠠᠨ ᠵᠠᠯᠭ᠋ᠠᠮᠵᠢᠯᠠᠵᠤ᠂ ᠭᠠᠵᠠᠷ ᠣᠷᠣᠨ᠎ᠤ ᠨᠡᠷᠡᠲᠦ ᠲᠡᠮᠳᠡᠭᠲᠦ᠎ᠢ ᠬᠥᠭᠵᠢᠭᠦᠯᠦᠨ ᠪᠤᠵᠠᠭ᠋ᠠᠢ᠌ᠷᠠᠭᠤᠯᠤᠨ᠎ᠠ᠃
      ᠸᠠᠩ ᠢᠦᠢ ᠹᠸᠩ᠄
      ᠬᠣᠶᠠᠷ᠎ᠲᠤ ᠨᠠᠷᠢᠯᠢᠭ ᠭᠦᠨᠵᠡᠭᠡᠢ ᠡᠳ᠋ᠰᠢᠭᠦᠯᠦᠨ ᠪᠣᠯᠪᠠᠰᠤᠷᠠᠭᠤᠯᠬᠤ ᠵᠢ ᠬᠥᠭᠵᠢᠭᠦᠯᠦᠨ᠎ᠡ᠃ ᠳᠡᠭᠡᠳᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠭ᠋ᠠᠨᠢᠭ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠭᠣᠣᠯᠳᠠᠯᠭ᠎ᠠ᠎ᠲᠠᠢ ᠨᠡᠭᠡᠭᠡᠨ ᠬᠥᠭᠵᠢᠭᠦᠯᠦᠨ ᠪᠣᠢ᠌ᠵᠢᠭᠤᠯᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠣᠯᠪᠠᠰᠤᠷᠠᠭᠤᠯᠵᠤ ᠦᠷᠳᠡᠭ᠎ᠢ᠎ᠨᠢ ᠨᠡᠮᠡᠭᠳᠡᠭᠦᠯᠬᠦ ᠣᠷᠣᠨ ᠵᠠᠶ ᠵᠢ ᠥᠷᠭᠡᠳᠬᠡᠨ᠎ᠡ᠃ ᠲᠤᠮᠤ ᠬᠡᠯᠪᠡᠷᠢ ᠵᠢᠨ ᠴᠠᠭ᠋ᠠᠨ ᠢᠳᠡᠭᠡᠨ᠎ᠤ ᠠᠵᠤ ᠠᠬᠤᠶ᠋ᠢᠯᠠᠯ᠎ᠨᠢ ᠳᠡᠭᠡᠳᠦ ᠳᠡᠰ᠎ᠤᠨ ᠦᠢ᠍ᠯᠡᠳᠬᠦᠨ᠎ᠢ ᠨᠡᠭᠡᠭᠡᠨ ᠬᠥᠭᠵᠢᠭᠦᠯᠵᠦ᠂ ᠳᠤᠮᠳᠠ ᠵᠢᠵᠢᠭ ᠴᠠᠭ᠋ᠠᠨ ᠢᠳᠡᠭᠡᠨ ᠪᠣᠯᠪᠠᠰᠤᠷᠠᠭᠤᠯᠬᠤ ᠠᠵᠤ ᠦᠢ᠍ᠯᠡᠰ᠎ᠨᠢ ᠪᠦᠲᠦᠭᠡᠭᠳᠦᠬᠦᠨ ᠵᠶ᠋ᠡᠨ ᠰᠢᠯᠢᠳᠡᠭᠵᠢᠭᠦᠯᠦᠨ ᠲᠡᠰ ᠳᠡᠪᠰᠢᠭᠦᠯᠦᠨ᠎ᠡ; ᠮᠢᠬᠠᠨ᠎ᠤ ᠲᠥᠷᠥᠯ᠎ᠤᠨ ᠪᠣᠯᠪᠠᠰᠤᠷᠠᠭᠤᠯᠬᠤ ᠠᠵᠤ ᠦᠢ᠍ᠯᠡᠰ᠎ᠨᠢ ᠥᠭᠡᠷᠡᠴᠢᠯᠡᠨ ᠰᠠᠢ᠌ᠵᠢᠷᠠᠭᠤᠯᠤᠨ ᠲᠠᠰ ᠳᠡᠪᠰᠢᠭᠦᠯᠵᠦ᠂ ᠤᠯᠤᠰ᠎ᠤᠨ ᠳᠣᠲᠣᠭ᠋ᠠᠳᠤ ᠵᠢᠨ ᠪᠠ ᠳᠡᠯᠡᠬᠡᠶ ᠵᠢᠨ ᠲᠡᠷᠢᠭᠦᠨ ᠲᠦᠪᠰᠢᠨ᠎ᠳᠤ ᠬᠦᠷᠦᠭᠰᠡᠨ ᠣᠳᠣᠬᠢᠴᠢᠯᠠᠭᠰᠠᠨ ᠪᠣᠯᠪᠠᠰᠤᠷᠠᠭᠤᠯᠬᠤ ᠦᠢ᠍ᠯᠡᠳᠪᠦᠷᠢ ᠵᠢ ᠪᠠᠢ᠌ᠭᠤᠯᠤᠨ᠎ᠠ; ᠨᠣᠯᠤᠤᠷ ᠡᠳ᠋ᠰᠢᠭᠦᠯᠬᠦ ᠠᠵᠤ ᠦᠢ᠍ᠯᠡᠰ᠎ᠨᠢ ᠥᠪᠡᠷ᠎ᠤᠨ ᠡᠵᠡᠮᠰᠢᠯᠳᠤ ᠨᠡᠷᠡᠳᠤ ᠲᠡᠮᠳᠡᠭᠲᠦ ᠵᠢ ᠪᠣᠶ᠋ᠢᠵᠢᠭᠤᠯᠵᠤ᠂ ᠲᠡᠮᠳᠡᠭᠲᠦ ᠨᠠᠭ᠋ᠠᠵᠤ ᠭᠠᠳᠠᠭ᠋ᠠᠳᠤ᠎ᠳᠤ ᠭᠠᠷᠭ᠋ᠠᠬᠤ ᠵᠢ ᠪᠠᠭ᠋ᠠᠰᠬᠠᠨ᠎ᠠ; ᠠᠮᠤ ᠳᠤᠰᠤ ᠪᠣᠯᠪᠠᠰᠤᠷᠠᠭᠤᠯᠬᠤ ᠠᠵᠤ ᠦᠢ᠍ᠯᠡᠰ᠎ᠨᠢ ᠨᠠᠷᠢᠯᠢᠭ ᠪᠣᠯᠪᠠᠰᠤᠷᠠᠭᠤᠯᠬᠤ ᠵᠢ ᠰᠠᠶ᠋ᠢᠲᠤᠷ ᠬᠢᠵᠦ᠂ ᠤᠢ᠍ᠢ᠍ᠯᠡᠳᠭᠦᠨ᠎ᠤ ᠪᠦᠲᠦᠴᠡ ᠵᠢ ᠥᠷᠭᠡᠳᠬᠡᠵᠦ᠂ ᠡᠷᠳᠡᠨᠢ ᠰᠢᠰᠢ ᠵᠢᠨ ᠬᠥᠮᠥᠷᠭᠡ ᠵᠢᠨ ᠬᠠᠳᠠᠭ᠋ᠠᠯᠠᠯᠲᠠ ᠵᠢ ᠰᠢᠩᠭᠡᠭᠡᠨ᠎ᠡ; ᠲᠥᠮᠥᠰᠥ ᠡᠳ᠋ᠰᠢᠭᠦᠯᠬᠦ ᠠᠵᠤ ᠦᠢ᠍ᠯᠡᠰ᠎ᠢ ᠭᠣᠣᠯ ᠠᠮᠤ ᠪᠤᠳᠠᠭ᠎ᠠ ᠦᠢ᠍ᠯᠡᠳᠪᠦᠷᠢᠯᠡᠬᠦ ᠪᠠ ᠭᠣᠣᠯ ᠢᠳᠡᠭᠡᠨ ᠪᠣᠯᠪᠠᠰᠤᠷᠠᠭᠤᠯᠬᠤ ᠲᠡᠰᠢ ᠥᠷᠭᠡᠳᠬᠡᠨ᠎ᠡ᠃ ᠡᠭᠦᠨ᠎ᠤ ᠬᠠᠮᠲᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠪᠣᠯᠪᠠᠰᠤᠷᠠᠭᠤᠯᠬᠤ ᠪᠠ ᠳᠠᠭ᠋ᠠᠯᠲᠠ ᠪᠦᠲᠦᠭᠡᠭᠳᠡᠬᠦᠨ ᠵᠢᠴᠢ ᠬᠠᠶᠠᠭᠳᠠᠮᠠᠯ ᠪᠣᠳᠠᠰ᠎ᠢ ᠶᠡᠷᠦᠩᠬᠡᠶ᠋ᠢᠯᠡᠨ ᠠᠰᠢᠭᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠡᠰᠢ ᠰᠦᠷᠡᠯ᠎ᠤᠨ ᠬᠤᠮᠠᠬᠢ ᠪᠤᠳᠠᠰ᠎ᠢ ᠣᠷᠭ᠋ᠠᠨᠢᠭ ᠪᠤᠷᠳᠤᠭᠤᠷ ᠪᠣᠯᠭ᠋ᠠᠬᠤ ᠵᠢᠴᠢ ᠮᠠᠯ ᠲᠡᠵᠢᠭᠡᠪᠦᠷᠢ ᠵᠢᠨ ᠢᠯᠭ᠋ᠠᠳᠠᠰᠤ ᠵᠢ ᠪᠤᠷᠳᠤᠭᠤᠷ ᠪᠣᠯᠭ᠋ᠠᠨ ᠲᠠᠷᠢᠶᠠᠨ᠎ᠳᠤ ᠣᠷᠣᠭᠤᠯᠬᠤ᠂ ᠲᠤᠲᠤᠷᠭ᠎ᠠ ᠵᠢᠨ ᠬᠡᠪᠡᠭ ᠠᠭ᠎ᠠ ᠵᠡᠷᠭᠡ ᠵᠢᠮᠢᠰ᠎ᠤᠨ ᠬᠠᠯᠢᠰᠤ ᠰᠢᠭ᠋ᠠᠷᠤ᠂ ᠮᠠᠯ ᠵᠢᠭᠦᠷᠲᠡᠨ᠎ᠤ ᠶᠠᠰᠤ ᠴᠢᠰᠤ᠂ ᠭᠡᠳᠡᠰᠦ ᠳᠣᠲᠣᠷ ᠵᠡᠷᠭᠡ ᠲᠤᠰᠠᠯᠠᠬᠤ ᠦᠢ᠍ᠯᠡᠳᠬᠦᠨ᠎ᠢ ᠶᠡᠷᠦᠩᠬᠡᠢ᠌ᠯᠡᠨ ᠨᠡᠭᠡᠭᠡᠨ ᠠᠰᠢᠭᠯᠠᠬᠤ ᠪᠠ ᠣᠷᠴᠢᠯᠳᠤᠭᠤᠯᠤᠨ ᠠᠰᠢᠭᠯᠠᠬᠤ ᠵᠢ ᠰᠠᠢ᠌ᠲᠤᠷ ᠬᠢᠨ᠎ᠡ᠃
      ᠸᠠᠩ ᠢᠦᠢ ᠹᠸᠩ᠄
      ᠭᠤᠷᠪᠠ᠎ᠳᠤ ᠲᠡᠳᠬᠦᠨ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃ 《ᠰᠢᠯᠢᠳᠡᠭ᠎ᠢ᠎ᠨᠢ ᠲᠡᠳᠬᠦᠬᠦ᠂ ᠲᠣᠮᠣ ᠵᠢ᠎ᠨᠢ ᠲᠡᠳᠬᠦᠬᠦ᠂ ᠬᠦᠴᠦᠷᠬᠡᠭ᠎ᠢ᠎ᠨᠢ ᠲᠡᠳᠬᠦᠬᠦ》 ᠵᠠᠷᠴᠢᠮ ᠶᠣᠰᠣᠭ᠋ᠠᠷ᠂ ᠠᠵᠤ ᠦᠢ᠍ᠯᠡᠰᠵᠢᠭᠦᠯᠦᠨ ᠬᠥᠭᠵᠢᠭᠦᠯᠬᠦ ᠪᠡᠯᠡ ᠮᠥᠩᠭᠥ ᠵᠢ ᠪᠣᠯᠪᠠᠰᠤᠷᠠᠭᠤᠯᠬᠤ ᠠᠵᠤ ᠠᠬᠤᠶ᠋ᠢᠯᠠᠯ᠎ᠳᠤ ᠣᠷᠣᠭᠤᠯᠵᠤ᠂ ᠲᠡᠭᠦᠨ᠎ᠤ ᠮᠡᠷᠭᠡᠵᠢᠯ ᠵᠶ᠋ᠡᠨ ᠰᠠᠢ᠌ᠵᠢᠷᠠᠭᠤᠯᠬᠤ᠂ ᠥᠷᠢᠰᠥᠯᠳᠦᠬᠦ ᠬᠦᠴᠦᠨ ᠵᠶ᠋ᠠᠨ ᠳᠡᠭᠡᠭᠰᠢᠯᠡᠭᠦᠯᠬᠦ᠎ᠳᠤᠨᠢ ᠳᠡᠮᠵᠢᠯᠭᠡ ᠦᠵᠡᠭᠦᠯᠦᠨ᠎ᠡ; ᠪᠡᠯᠡ ᠲᠣᠬᠢᠷᠠᠭᠤᠯᠬᠤ ᠠᠷᠭ᠎ᠠ ᠵᠠᠮ᠎ᠢ ᠥᠷᠭᠡᠳᠬᠡᠵᠦ᠂ ᠮᠥᠩᠭᠥᠨ ᠭᠦᠢ᠍ᠯᠭᠡᠭᠡᠨ᠎ᠤ ᠰᠠᠯᠠᠭ᠎ᠠ ᠮᠥᠴᠢᠷ᠎ᠲᠠᠢ ᠢᠳᠡᠪᠬᠢᠲᠡᠢ ᠬᠠᠮᠵᠢᠯᠴᠠᠨ ᠵᠢᠭᠡᠯᠡᠯᠭᠡ ᠲᠠᠯᠪᠢᠭᠤᠯᠵᠤ᠂ ᠰᠠᠭᠤᠷᠢ ᠮᠥᠩᠭᠥᠨ᠎ᠤ ᠪᠡᠯᠡ ᠣᠷᠣᠭᠤᠯᠤᠯᠲᠠ ᠵᠢ ᠥᠷᠭᠡᠨ ᠵᠶ᠋ᠡᠷ ᠲᠠᠲᠠᠨ ᠣᠷᠣᠭᠤᠯᠵᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢ ᠬᠤᠪᠢᠴᠠᠭ᠋ᠠᠨ ᠡᠷᠬᠡ ᠪᠣᠯᠭ᠋ᠠᠬᠤ ᠵᠢ ᠰᠠᠨᠠᠭ᠋ᠠᠴᠢᠯᠠᠵᠤ᠂ ᠪᠣᠯᠪᠠᠰᠤᠷᠠᠭᠤᠯᠬᠤ ᠠᠵᠤ ᠠᠬᠤᠶ᠋ᠢᠯᠠᠯ᠎ᠳᠤ ᠨᠡᠩ ᠣᠯᠠᠨ ᠪᠡᠯᠡ ᠮᠥᠩᠭᠥ ᠣᠷᠣᠭᠤᠯᠤᠨ᠎ᠠ; ᠲᠠᠷᠢᠶᠠᠯᠠᠩ᠎ᠤᠨ ᠪᠦᠲᠦᠭᠡᠭᠳᠡᠬᠦᠨ᠎ᠢ ᠠᠩᠬ᠎ᠠ ᠪᠣᠯᠪᠠᠰᠤᠷᠠᠭᠤᠯᠬᠤ ᠵᠢ ᠶᠡᠬᠡᠪᠡᠷ ᠲᠦᠯᠬᠢᠨ ᠠᠬᠢᠭᠤᠯᠵᠤ᠂ ᠨᠥᠬᠥᠪᠥᠷᠢ ᠥᠭᠬᠦ ᠲᠦᠷᠦ ᠵᠢᠨ ᠪᠤᠳᠤᠯᠭ᠎ᠠ ᠵᠢ ᠳᠠᠪᠠᠭᠤᠯᠢᠭ ᠭᠠᠷᠤᠯᠲᠠ ᠵᠢᠨ ᠣᠷᠣᠨ᠂ ᠣᠨᠴᠠᠯᠢᠭ ᠪᠦᠬᠦᠢ ᠭᠠᠷᠤᠯᠲᠠ ᠵᠢᠨ ᠣᠷᠣᠨ ᠲᠡᠰᠢ ᠬᠡᠯᠪᠡᠢ᠌ᠯᠭᠡᠬᠦ ᠵᠢ ᠢᠳᠡᠪᠬᠢᠲᠡᠶ ᠲᠦᠯᠬᠢᠨ ᠠᠬᠢᠭᠤᠯᠵᠤ᠂ ᠲᠠᠷᠢᠶᠠᠯᠠᠩ᠎ᠤᠨ ᠪᠦᠲᠦᠭᠡᠭᠳᠡᠬᠦᠨ᠎ᠢ ᠬᠠᠳᠠᠭ᠋ᠠᠯᠠᠬᠤ᠂ ᠰᠢᠨ᠎ᠡ ᠰᠣᠷᠭᠣᠭ ᠪᠠᠶ᠋ᠢᠯᠭ᠋ᠠᠬᠤ᠂ ᠬᠠᠳᠠᠭ᠋ᠠᠬᠤ᠂ ᠲᠥᠷᠥᠯ ᠲᠡᠰ ᠬᠤᠪᠢᠶᠠᠬᠤ᠂ ᠪᠣᠭᠣᠳᠠᠯᠯᠠᠬᠤ ᠪᠠ ᠲᠡᠭᠡᠭᠡᠪᠦᠷᠢᠯᠡᠨ ᠪᠣᠷᠣᠯᠠᠭᠤᠯᠬᠤ ᠵᠡᠷᠭᠡ ᠪᠡᠯᠡᠳᠬᠡᠮᠵᠢ ᠵᠢᠨ ᠨᠥᠬᠥᠴᠡᠯ᠎ᠢ ᠰᠠᠶ᠋ᠢᠵᠢᠷᠠᠭᠤᠯᠵᠤ᠂ ᠬᠣᠬᠢᠷᠠᠯ᠎ᠢ ᠪᠠᠭ᠋ᠠᠰᠬᠠᠵᠤ ᠬᠠᠩᠭ᠋ᠠᠯᠭ᠎ᠠ ᠵᠢ ᠨᠡᠮᠡᠭᠳᠡᠭᠦᠯᠵᠦ ᠦᠷ᠎ᠡ ᠠᠰᠢᠭ᠎ᠢ ᠨᠡᠮᠡᠭᠳᠡᠭᠦᠯᠦᠨ᠎ᠡ᠃
      ᠭᠤᠷᠪᠠ᠂ ᠭᠠᠳᠠᠭᠰᠢ ᠭᠠᠷᠭ᠋ᠠᠬᠤ ᠵᠢ ᠵᠠᠬ᠎ᠠ ᠳᠡᠯᠭᠡᠭᠦᠷ᠎ᠲᠠᠢ ᠲᠣᠬᠢᠷᠠᠯᠴᠠᠭᠤᠯᠤᠨ᠎ᠠ᠃ 《ᠭᠠᠳᠠᠭᠰᠢ ᠭᠠᠷᠭ᠋ᠠᠬᠤ》 ᠪᠣᠯ ᠲᠠᠷᠢᠶᠠᠯᠠᠩ ᠮᠠᠯ ᠠᠵᠤ ᠠᠬᠤᠶ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢᠨ ᠡᠴᠦᠰ᠎ᠤᠨ ᠠᠯᠬᠤᠮ ᠲᠠᠷᠠᠭ᠎ᠠ ᠮᠥᠨ᠂ ᠮᠥᠨ ᠴᠦ᠍ ᠦᠢ᠍ᠯᠡᠳᠪᠦᠷᠢᠯᠡᠬᠦ᠂ ᠪᠣᠯᠪᠠᠰᠤᠷᠠᠭᠤᠯᠬᠤ᠎ᠨᠢ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠨᠡᠢ᠌ᠴᠡᠵᠦ ᠪᠠᠢ᠌ᠬᠤ ᠡᠰᠡᠬᠦ ᠵᠢ ᠰᠢᠯᠭ᠋ᠠᠬᠤ ᠰᠢᠢ᠍ᠳᠪᠦᠷᠢᠯᠡᠭᠴᠢ ᠴᠢᠨᠠᠷ᠎ᠲᠠᠢ ᠵᠠᠩᠭᠢᠯᠠᠭ᠎ᠠ ᠪᠣᠯᠣᠨ᠎ᠠ᠃
      ᠸᠠᠩ ᠢᠦᠢ ᠹᠸᠩ᠄
      ᠨᠢᠭᠡ᠎ᠳᠤ ᠭᠠᠳᠠᠭᠰᠢ ᠭᠠᠷᠭ᠋ᠠᠬᠤ ᠠᠭᠤᠯᠭ᠎ᠠ ᠪᠠ ᠴᠢᠭᠯᠡᠯ᠎ᠢ ᠲᠣᠳᠣᠷᠬᠠᠢ᠌ᠯᠠᠨ᠎ᠠ᠃ ᠮᠠᠨ᠎ᠤ ᠣᠷᠣᠨ᠎ᠤ ᠣᠨᠴᠠᠯᠢᠭ᠎ᠲᠠᠢ᠂ ᠭᠠᠷᠤᠯᠲᠠ ᠶᠡᠬᠡᠲᠡᠢ᠂ ᠪᠣᠬᠢᠷᠲᠤᠯ ᠥᠭᠡᠢ᠂ ᠣᠷᠭ᠋ᠠᠨᠢᠭ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠦᠬᠦᠨ᠎ᠢ ᠭᠣᠣᠯᠳᠠᠯᠭ᠎ᠠ᠎ᠲᠠᠢ᠎ᠪᠠᠷ ᠤᠬᠠᠭᠤᠯᠤᠨ ᠲᠠᠨᠢᠯᠴᠠᠭᠤᠯᠤᠨ᠎ᠠ᠃ ᠤᠯᠤᠰ᠎ᠤᠨ ᠳᠣᠲᠣᠭ᠋ᠠᠳᠤ ᠵᠢᠨ ᠵᠠᠬ᠎ᠠ ᠳᠡᠯᠭᠡᠭᠦᠷ᠎ᠲᠤ ᠪᠣᠯ᠂ ᠣᠶ᠋ᠢᠷ᠎ᠠ ᠵᠢᠨ ᠬᠤᠭᠤᠴᠠᠭ᠋ᠠᠨ᠎ᠳᠤ ᠭᠣᠣᠯᠳᠠᠭᠤ ᠨᠢᠭᠡ ᠬᠣᠶᠠᠳᠤᠭ᠋ᠠᠷ ᠳᠡᠰ᠎ᠤᠨ᠂ ᠬᠥᠮᠦᠨ ᠠᠮᠠ ᠵᠢᠨ ᠨᠢᠭᠲᠠᠴᠠ ᠶᠡᠬᠡ᠂ ᠤᠯᠠᠷᠢᠯ᠎ᠤᠨ ᠵᠥᠷᠢᠶ᠎ᠡ ᠶᠡᠬᠡ ᠬᠣᠲᠠ᠎ᠳᠤ ᠬᠠᠨᠳᠤᠭᠤᠯᠤᠨ ᠭᠠᠷᠭ᠋ᠠᠨ᠎ᠠ; ᠤᠯᠤᠰ᠎ᠤᠨ ᠭᠠᠳᠠᠭ᠋ᠠᠳᠤ ᠵᠢᠨ ᠵᠠᠬ᠎ᠠ ᠳᠡᠯᠭᠡᠭᠦᠷ᠎ᠲᠤ ᠪᠣᠯ᠂ ᠴᠠᠭ᠋ᠠᠨ ᠢᠳᠡᠭᠡ᠂ ᠨᠣᠯᠤᠤᠷ᠎ᠤᠨ ᠪᠦᠲᠦᠭᠡᠭᠳᠡᠬᠦᠨ᠂ ᠲᠥᠮᠥᠰᠥ᠂ ᠤᠰᠤ ᠥᠬᠡᠶ᠋ᠢᠳᠡᠭᠦᠯᠦᠭᠰᠡᠨ ᠢᠳᠡᠰᠢᠨ ᠨᠣᠭᠣᠭ᠎ᠠ᠂ ᠪᠦᠳᠦᠭᠦᠯᠢᠭ ᠠᠮᠤ ᠪᠤᠷᠴᠠᠭ ᠵᠡᠷᠭᠡ ᠥᠪᠡᠷᠮᠢᠴᠡ ᠣᠨᠴᠠᠯᠢᠭ᠎ᠲᠠᠢ ᠪᠦᠲᠦᠭᠡᠭᠳᠡᠬᠦᠨ᠎ᠢ ᠭᠣᠣᠯᠳᠠᠯᠭ᠎ᠠ᠎ᠲᠠᠢ ᠭᠠᠷᠭ᠋ᠠᠨ᠎ᠠ᠃ ᠡᠭᠦᠨ᠎ᠤ ᠬᠠᠮᠲᠤ᠂ 《ᠭᠠᠳᠠᠭᠰᠢ ᠭᠠᠷᠭ᠋ᠠᠬᠤ》 ᠪᠠᠶ᠋ᠢᠳᠠᠯ᠎ᠢ ᠴᠠᠭ ᠲᠤᠬᠠᠶ᠎ᠳᠤᠨᠢ ᠮᠥᠷᠳᠡᠨ ᠣᠶ᠋ᠢᠯᠠᠭ᠋ᠠᠵᠤ᠂ ᠵᠠᠬ᠎ᠠ ᠳᠡᠯᠭᠡᠭᠦᠷ᠎ᠲᠤ ᠵᠠᠳᠠᠯᠤᠯᠲᠠ ᠬᠢᠵᠦ ᠰᠤᠳᠤᠯᠤᠨ ᠮᠠᠭ᠋ᠠᠳᠯᠠᠬᠤ ᠵᠢ ᠴᠢᠩᠭ᠋ᠠᠳᠬᠠᠨ᠂ ᠪᠦᠲᠦᠭᠡᠭᠳᠡᠬᠦᠨ᠎ᠤ ᠳᠦᠷᠦᠯ ᠵᠦᠢ᠍ᠯ᠎ᠢ ᠴᠠᠭ ᠲᠤᠬᠠᠶ᠎ᠳᠤᠨᠢ ᠲᠣᠬᠢᠷᠠᠭᠤᠯᠵᠤ᠂ ᠭᠠᠳᠠᠭᠰᠢ ᠭᠠᠷᠭ᠋ᠠᠬᠤ ᠦᠢ᠍ᠯᠡᠳᠬᠦᠨ᠎ᠤ ᠶᠠᠰᠤ ᠴᠢᠨᠠᠷ᠂ ᠲᠣᠭ᠎ᠠ ᠬᠡᠮᠵᠢᠶ᠎ᠡ ᠵᠢ ᠴᠥᠮ ᠠᠯᠢ ᠪᠣᠯᠬᠤ᠎ᠪᠠᠷ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠨᠡᠢ᠌ᠴᠡᠭᠦᠯᠦᠨ᠎ᠡ᠃
      ᠸᠠᠩ ᠢᠥᠢ ᠹᠸᠩ᠄
      ᠬᠣᠶᠠᠷ᠎ᠲᠤ ᠭᠠᠳᠠᠭᠰᠢ ᠭᠠᠷᠭ᠋ᠠᠬᠤ ᠠᠷᠭ᠎ᠠ ᠵᠠᠮ᠎ᠢ ᠰᠠᠭ᠋ᠠᠳ ᠤᠢ᠍ᠭᠡᠢ ᠨᠡᠪᠲᠡᠷᠡᠭᠦᠯᠦᠨ᠎ᠡ᠃ ᠣᠷᠣᠨ᠎ᠤ ᠳᠣᠲᠣᠷ᠎ᠠ᠂ ᠭᠣᠣᠯᠳᠠᠭᠤ ᠵᠢᠯ᠎ᠤᠨ ᠨᠢᠭᠡ ᠬᠤᠭᠤᠴᠠᠭ᠋ᠠᠨ᠎ᠤ 《ᠪᠣᠬᠢᠷᠲᠤᠯ ᠦᠭᠡᠢ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠦᠵᠡᠰᠬᠦᠯᠡᠩ᠎ᠤᠨ ᠴᠤᠭᠯᠠᠭ᠋ᠠᠨ》᠎ᠢ ᠰᠠᠢ᠌ᠲᠤᠷ ᠡᠷᠬᠢᠯᠡᠨ᠎ᠡ; ᠣᠷᠣᠨ᠎ᠤ ᠭᠠᠳᠠᠨ᠎ᠠ᠂ 《ᠪᠣᠬᠢᠷᠲᠤᠯ ᠦᠭᠡᠢ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠰᠣᠳᠣᠨ ᠪᠦᠲᠦᠬᠡᠭᠳᠡᠬᠦᠨ᠎ᠤ ᠣᠷᠳᠣᠨ᠂ ᠪᠡᠶᠡᠴᠢ ᠤᠢ᠌ᠯᠭ᠋ᠠᠯᠲᠠ ᠵᠢᠨ ᠣᠷᠳᠣᠨ》᠎ᠤ ᠳᠡᠯᠭᠡᠨ ᠦᠵᠡᠭᠦᠯᠵᠦ ᠰᠢᠭᠤᠳ ᠪᠣᠷᠣᠯᠠᠭᠤᠯᠬᠤ ᠴᠢᠳᠠᠪᠤᠷᠢ ᠵᠢ ᠳᠡᠭᠡᠭᠰᠢᠯᠡᠭᠦᠯᠵᠦ᠂ ᠪᠡᠭᠡᠵᠢᠩ᠂ ᠱᠠᠩᠬᠠᠶ ᠵᠢᠨ ᠰᠣᠳᠣᠨ ᠪᠦᠲᠦᠬᠡᠭᠳᠡᠬᠦᠨ᠎ᠤ ᠣᠷᠳᠣᠨ᠎ᠤ ᠰᠠᠭᠤᠷᠢᠨ ᠳᠡᠭᠡᠷ᠎ᠡ᠂ ᠭᠤᠸᠠᠩᠵᠧᠦ ᠵᠢᠨ ᠰᠣᠳᠣᠨ ᠪᠦᠲᠦᠬᠡᠭᠳᠡᠬᠦᠨ᠎ᠤ ᠣᠷᠳᠣᠨ᠎ᠢ ᠡᠵᠡᠩᠨᠡᠵᠦ᠂ ᠠᠶ᠋ᠢᠮᠠᠭ ᠬᠤᠳᠠ ᠬᠣᠶᠠᠷ᠂ ᠭᠤᠷᠪᠠᠳᠤᠭ᠋ᠠᠷ ᠳᠡᠰ᠎ᠤᠨ ᠬᠣᠲᠠ᠎ᠳᠤ ᠰᠣᠳᠣᠨ ᠪᠦᠲᠦᠬᠡᠭᠳᠡᠬᠦᠨ᠎ᠤ ᠣᠷᠳᠣᠨ ᠡᠵᠡᠩᠨᠡᠬᠦ ᠵᠢ᠎ᠨᠢ ᠵᠣᠷᠢᠭᠵᠢᠭᠤᠯᠤᠨ᠂ ᠠᠵᠤ ᠠᠬᠤᠶ᠋ᠢᠯᠠᠯ᠎ᠢ ᠢᠳᠡᠪᠬᠢᠲᠡᠢ᠎ᠪᠠᠷ ᠵᠣᠬᠢᠶᠠᠨ ᠪᠠᠢ᠌ᠭᠤᠯᠵᠤ ᠪᠠᠢ᠌ᠭ᠋ᠠᠳ ᠪᠦᠬᠦ ᠤᠯᠤᠰ᠎ᠤᠨ ᠡᠯ᠎ᠡ ᠲᠥᠷᠥᠯ᠎ᠤᠨ ᠳᠡᠯᠭᠡᠨ ᠪᠣᠷᠣᠯᠠᠭᠤᠯᠬᠤ ᠴᠤᠭᠯᠠᠭ᠋ᠠᠨ᠎ᠳᠤ ᠣᠷᠤᠯᠴᠠᠭᠤᠯᠤᠨ᠎ᠠ; ᠭᠠᠳᠠᠭ᠋ᠠᠳᠤ᠎ᠳᠤ᠂ ᠧᠦ᠋ᠷᠣᠫᠠ ᠲᠢᠪ᠂ ᠠᠮᠧᠷᠢᠺᠠ ᠲᠢᠪ᠂ ᠶᠠᠫᠣᠨ᠂ ᠺᠤᠷᠢᠶ᠎ᠠ ᠵᠡᠷᠭᠡ ᠭᠠᠵᠠᠷ ᠤᠷᠤᠨ᠎ᠤ ᠵᠠᠬ᠎ᠠ ᠳᠡᠯᠭᠡᠭᠦᠷ᠎ᠲᠠᠬᠢ ᠨᠣᠯᠤᠤᠷ᠎ᠤᠨ ᠪᠦᠲᠦᠭᠡᠭᠳᠡᠬᠦᠨ᠎ᠤ ᠬᠤᠪᠢ ᠵᠢᠨ ᠲᠣᠭ᠎ᠠ ᠵᠢ ᠦᠷᠭᠡᠳᠬᠡᠵᠦ᠂ ᠲᠥᠮᠥᠰᠥ᠂ ᠤᠰᠤ ᠦᠭᠡᠢ᠌ᠲᠡᠭᠦᠯᠦᠭᠰᠡᠨ ᠬᠠᠲᠠᠮᠠᠯ ᠢᠳᠡᠰᠢᠨ ᠨᠣᠭᠣᠭ᠎ᠠ ᠵᠡᠷᠭᠡ ᠵᠢ ᠴᠢᠷᠮᠠᠢ᠌ᠵᠤ ᠪᠠᠢ᠌ᠭ᠋ᠠᠳ ᠠᠮᠧᠷᠢᠺᠠ ᠵᠢᠨ ᠵᠠᠬ᠎ᠠ ᠳᠡᠯᠭᠡᠭᠦᠷ᠎ᠲᠤ ᠲᠦᠯᠬᠢᠨ ᠭᠠᠷᠭ᠋ᠠᠵᠤ᠂ ᠴᠠᠭ᠋ᠠᠨ ᠢᠳᠡᠭᠡᠨ᠎ᠤ ᠠᠵᠤ ᠠᠬᠤᠶ᠋ᠢᠯᠠᠯ᠎ᠤᠳ ᠭᠠᠳᠠᠭᠰᠢ ᠦᠷᠭᠡᠳᠬᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠭᠠᠳᠠᠭ᠋ᠠᠳᠤ ᠵᠢᠨ ᠴᠢᠨᠠᠷ ᠰᠠᠶ᠋ᠢᠲᠠᠶ ᠡᠬᠢ ᠪᠠᠶᠠᠯᠢᠭ᠎ᠢ ᠡᠵᠡᠯᠡᠨ᠂ ᠤᠯᠠᠨ ᠤᠯᠤᠰ᠎ᠤᠨ ᠥᠷᠢᠰᠥᠯᠳᠦᠭᠡᠨ᠎ᠤ ᠳᠤᠮᠳᠠ ᠵᠣᠬᠢᠬᠤ ᠪᠠᠶ᠋ᠢᠷᠢ ᠡᠵᠡᠯᠡᠨ᠎ᠡ᠃ 《ᠢᠨᠲᠸᠷ ᠰᠦᠯᠵᠢᠶ᠎ᠡ +》 ᠵᠢ ᠭᠣᠣᠯᠳᠠᠯᠭ᠎ᠠ᠎ᠲᠠᠢ ᠬᠦᠭᠵᠢᠭᠦᠯᠦᠨ᠂ 《ᠡᠯᠸᠺᠲᠷᠣᠨ ᠬᠤᠳᠠᠯᠳᠤᠭ᠎ᠠ ᠵᠢᠨ ᠪᠣᠷᠤᠯᠠᠭᠤᠯᠭ᠎ᠠ + ᠳᠡᠯᠭᠡᠨ ᠦᠵᠡᠭᠦᠯᠵᠦ ᠳᠡᠯᠭᠡᠨ ᠪᠣᠷᠣᠯᠠᠭᠤᠯᠬᠤ + ᠵᠢᠵᠢᠭᠯᠡᠨ ᠬᠤᠳᠠᠯᠳᠤᠬᠤ ᠪᠡᠶᠡᠴᠢ ᠣᠶ᠋ᠢᠯᠠᠭ᠋ᠠᠯᠲᠠ》 ᠵᠢᠨ ᠬᠠᠮᠢᠶᠠᠷᠤᠯᠲᠠ ᠪᠣᠯᠤᠨ ᠡᠵᠡᠩᠨᠡᠯᠲᠡ ᠵᠢᠨ ᠵᠠᠭᠪᠤᠷ᠎ᠢ ᠲᠠᠰᠤᠷᠠᠯᠲᠠ ᠦᠭᠡᠢ ᠪᠦᠷᠢᠨᠰᠢᠭᠦᠯᠵᠦ᠂ ᠡᠯᠧᠺᠲᠷᠣᠨ ᠬᠤᠳᠠᠯᠳᠤᠭ᠋ᠠᠨ᠎ᠤ ᠲᠠᠪᠴᠠᠩ᠎ᠢ ᠲᠡᠳᠬᠦᠨ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠤᠨ᠂ ᠰᠡᠷᠢᠭᠦᠨ ᠬᠡᠯᠬᠢᠶᠡᠲᠦ ᠲᠣᠬᠢᠷᠠᠭᠤᠯᠤᠨ ᠬᠦᠷᠭᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠮᠠᠨ᠎ᠤ ᠤᠷᠤᠨ᠎ᠤ ᠨᠡᠷ᠎ᠡ ᠠᠯᠳᠠᠷᠰᠢᠭᠰᠠᠨ ᠦᠬᠡᠷ ᠬᠤᠨᠢᠨ᠎ᠤ ᠮᠢᠬ᠎ᠠ ᠵᠡᠷᠭᠡ ᠴᠢᠨᠠᠷ ᠰᠠᠶ᠋ᠢᠲᠠᠶ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠰᠢᠨ᠎ᠡ ᠰᠤᠷᠭᠤᠭ᠂ ᠪᠤᠰᠢᠭᠤ ᠲᠦᠷᠭᠡᠨ᠂ ᠳᠥᠭᠥᠮ ᠳᠦᠲᠡ᠎ᠪᠠᠷ ᠬᠡᠷᠡᠭᠯᠡᠭᠴᠢᠳ᠎ᠤᠨ ᠭᠠᠷ᠎ᠲᠤ ᠬᠦᠷᠭᠡᠵᠦ ᠥᠭᠭᠦᠨ᠎ᠡ᠃
      ᠸᠠᠩ ᠢᠥᠢ ᠹᠸᠩ᠄
      ᠭᠤᠷᠪᠠ᠎ᠳᠤ ᠦᠢ᠍ᠯᠡᠳᠬᠦᠨ᠎ᠤ ᠪᠣᠭᠣᠳᠠᠯ ᠪᠠᠭᠯᠠᠭ᠎ᠠ ᠵᠢ ᠴᠢᠬᠤᠯᠠᠴᠢᠯᠠᠨ᠎ᠠ᠃ ᠪᠠᠶ᠋ᠢᠴᠠᠭ᠋ᠠᠨ ᠰᠤᠳᠤᠯᠤᠯᠲᠠ᠎ᠪᠠᠷ ᠣᠯᠵᠤ ᠮᠡᠳᠡᠭᠰᠡᠨ᠎ᠨᠢ᠂ ᠮᠠᠨ᠎ᠤ ᠣᠷᠣᠨ᠎ᠤ ᠮᠠᠰᠢ ᠣᠯᠠᠨ ᠴᠢᠨᠠᠷ ᠰᠠᠶ᠋ᠢᠲᠠᠶ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ᠂ ᠵᠢᠱ᠌ᠢᠶᠡᠯᠡᠪᠡᠯ ᠬᠣᠨᠢᠨ ᠮᠢᠬ᠎ᠠ᠂ ᠲᠤᠲᠤᠷᠭ᠎ᠠ᠂ ᠭᠤᠯᠢᠷ ᠵᠡᠷᠭᠡ ᠵᠢᠨ ᠪᠣᠭᠣᠳᠠᠯ ᠪᠠᠭᠯᠠᠭ᠎ᠠ ᠵᠢᠨ ᠬᠡᠪ ᠪᠠᠷᠢᠮᠵᠢᠶ᠎ᠠ᠎ᠨᠢ ᠶᠡᠬᠡ᠂ ᠭᠠᠳᠠᠷ ᠪᠣᠭᠣᠯᠲᠠ᠎ᠨᠢ ᠶᠡᠷᠦᠮᠳᠡᠭ ᠭᠣᠶᠣ ᠪᠢᠰᠢ ᠪᠠᠢ᠌ᠨ᠎ᠠ᠂ ᠡᠨᠡ᠎ᠨᠢ ᠵᠠᠬ᠎ᠠ ᠳᠡᠯᠭᠡᠭᠦᠷ᠎ᠤᠨ ᠤᠯᠡᠨ ᠡᠰᠢᠵᠢᠭᠰᠡᠨ ᠬᠡᠷᠡᠭᠴᠡᠭᠡ ᠱᠠᠭ᠋ᠠᠷᠳᠠᠯᠭ᠎ᠠ ᠪᠣᠯᠤᠨ ᠰᠦᠯᠵᠢᠶᠡᠨ ᠳᠡᠭᠡᠷᠡᠬᠢ ᠪᠣᠷᠤᠯᠠᠭᠤᠯᠭ᠎ᠠ ᠵᠢᠨ ᠣᠨᠴᠠᠯᠢᠭ᠎ᠲᠠᠢ ᠨᠡᠢ᠌ᠴᠡᠬᠦ ᠦᠭᠡᠢ ᠪᠠᠢ᠌ᠨ᠎ᠠ᠃ ᠳᠠᠯᠠ᠂ ᠨᠠᠶᠠᠭ᠋ᠠᠳ ᠣᠨ᠎ᠳᠤ ᠲᠦᠷᠦᠭᠰᠡᠳ ᠬᠡᠷᠡᠭᠯᠡᠭᠡᠨ᠎ᠤ ᠭᠣᠣᠯ ᠬᠦᠴᠦᠨ ᠪᠣᠯᠵᠤ ᠪᠠᠢ᠌ᠬᠤ ᠵᠢ ᠳᠠᠭ᠋ᠠᠯᠳᠤᠭ᠋ᠠᠳ᠂ ᠵᠢᠵᠢᠭ ᠪᠣᠭᠣᠳᠠᠯ᠂ ᠨᠠᠷᠢᠯᠢᠭ ᠪᠣᠭᠣᠳᠠᠯ ᠴᠢᠨᠠᠭᠰᠢᠯᠠᠪᠠᠯ ᠠᠮᠲᠠᠯᠠᠵᠤ ᠪᠣᠯᠬᠣ ᠪᠣᠭᠣᠳᠠᠯ᠎ᠨᠢ ᠬᠡᠷᠡᠭᠴᠡᠭᠡ ᠱᠠᠭ᠋ᠠᠷᠳᠠᠯᠭ᠎ᠠ ᠪᠣᠯᠵᠤ᠂ ᠡᠭᠦᠨ᠎ᠤ ᠳᠡᠭᠡᠷ᠎ᠡ ᠡᠮᠦᠨᠡᠲᠦ ᠤᠷᠤᠨ᠎ᠤ ᠵᠠᠬ᠎ᠠ ᠳᠡᠯᠭᠡᠭᠦᠷ᠎ᠤᠨ ᠵᠢᠵᠢᠭ ᠪᠦᠭᠡᠳ ᠨᠠᠷᠢᠯᠢᠭ ᠢᠳᠡᠭᠡᠨ ᠤᠮᠳᠠᠭ᠋ᠠᠨ᠎ᠤ ᠳᠠᠳᠬᠠᠯ᠂ ᠰᠦᠯᠵᠢᠶᠡᠨ ᠳᠡᠭᠡᠷᠡᠬᠢ ᠬᠤᠳᠠᠯᠳᠤᠭ᠋ᠠᠨ᠎ᠤ ᠵᠦᠭᠡᠭᠡᠪᠦᠷᠢᠯᠡᠬᠦ ᠱᠠᠭ᠋ᠠᠷᠳᠠᠯᠭ᠎ᠠ᠎ᠨᠢ ᠴᠥᠮ ᠦᠢ᠍ᠯᠡᠳᠬᠦᠨ᠎ᠤ᠎ᠪᠠᠨ ᠪᠣᠭᠣᠳᠠᠯ᠎ᠢ ᠴᠠᠭ ᠦᠶ᠎ᠡ᠎ᠲᠠᠢ ᠵᠣᠬᠢᠴᠠᠭᠤᠯᠬᠤ ᠵᠢ ᠤᠷᠢᠶᠠᠯᠠᠵᠤ ᠪᠠᠢ᠌ᠨ᠎ᠠ᠃ ᠶᠡᠷᠦ ᠵᠢᠨ ᠦᠭᠡᠨ᠎ᠳᠤ 《ᠬᠥᠮᠦᠨ᠎ᠤ ᠰᠠᠢ᠌ᠬᠠᠨ ᠵᠠᠰᠠᠯ᠎ᠳᠠᠭᠠᠨ ᠮᠣᠷᠢᠨ᠎ᠤ ᠰᠠᠢ᠌ᠬᠠᠨ ᠡᠮᠡᠭᠡᠯ᠎ᠳᠡᠭᠡᠨ》 ᠭᠡᠳᠡᠭ᠂ ᠦᠢ᠍ᠯᠡᠳᠬᠦᠨ᠎ᠤ ᠪᠣᠭᠣᠳᠠᠯ ᠪᠠᠭᠯᠠᠭ᠎ᠠ᠎ᠨᠢ ᠮᠦᠨᠴᠦ ᠲᠡᠭᠦᠨ᠎ᠤ ᠶᠠᠰᠤ ᠴᠢᠨᠠᠷ᠎ᠤᠨ ᠨᠢᠭᠡ ᠬᠡᠰᠡᠭ᠎ᠨᠢ ᠮᠥᠨ᠃ ᠡᠢ᠌ᠮᠦ᠎ᠠᠴᠠ᠂ ᠠᠳᠠᠯᠢ ᠪᠤᠰᠤ ᠬᠡᠪ ᠪᠠᠷᠢᠮᠵᠢᠶᠠᠲᠤ ᠪᠣᠭᠣᠳᠠᠯ ᠪᠠᠭᠯᠠᠭ᠎ᠠ ᠵᠢ ᠵᠢᠷᠤᠵᠤ ᠲᠦᠯᠦᠪᠯᠡᠨ᠂ ᠠᠳᠠᠯᠢ ᠪᠤᠰᠤ ᠬᠡᠷᠡᠭᠯᠡᠭᠴᠢᠳ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠢ; ᠣᠷᠣᠨ ᠨᠤᠲᠤᠭ᠎ᠤᠨ ᠦᠪᠡᠷᠮᠢᠴᠡ ᠣᠨᠴᠠᠯᠢᠭ᠂ ᠦᠨᠳᠦᠰᠦᠲᠡᠨ᠎ᠤ ᠰᠣᠶᠣᠯ ᠵᠡᠷᠭᠡ ᠡᠯᠧᠮᠧᠨ᠋ᠲ᠎ᠲᠠᠢ ᠠᠪᠴᠠᠯᠳᠤᠭᠤᠯᠵᠤ᠂ ᠥᠪᠡᠷᠮᠢᠴᠡ ᠭᠣᠢ᠌ᠳᠠ ᠦᠨᠳᠦᠰᠦᠲᠡᠨ᠎ᠤ ᠵᠠᠩ ᠦᠢ᠍ᠯᠡ ᠵᠢᠨ ᠪᠣᠭᠣᠳᠠᠯ ᠪᠠᠭᠯᠠᠭ᠎ᠠ ᠵᠢ ᠵᠢᠷᠤᠵᠤ ᠲᠦᠯᠦᠪᠯᠡᠨ᠂ ᠬᠡᠷᠡᠭᠯᠡᠭᠴᠢᠳ᠎ᠤᠨ ᠳᠤᠷ᠎ᠠ ᠪᠠᠬ᠎ᠠ ᠵᠢ ᠲᠠᠲᠠᠵᠤ᠂ ᠬᠡᠷᠡᠭᠯᠡᠭᠡ ᠵᠢ ᠠᠬᠢᠭᠤᠯᠬᠤ ᠬᠡᠷᠡᠭᠲᠡᠢ᠃
      ᠬᠥᠲᠥᠯᠥᠭᠴᠢ᠄
      ᠳᠡᠭᠡᠷ᠎ᠡ ᠳᠤᠷᠠᠳᠤᠭᠰᠠᠨ ᠬᠥᠭᠵᠢᠯᠲᠡ ᠵᠢᠨ ᠬᠠᠷᠠᠯᠲᠠ ᠵᠢ ᠪᠡᠶᠡᠯᠡᠭᠦᠯᠬᠦ ᠵᠢᠨ ᠲᠤᠰᠠᠳᠠ᠂ ᠲᠠᠨ᠎ᠤ ᠦᠵᠡᠬᠦ᠎ᠪᠠᠷ ᠪᠠᠰᠠ ᠠᠯᠢ ᠠᠯᠢ ᠲᠠᠯ᠎ᠠ᠎ᠪᠠᠷ ᠬᠦᠴᠦᠯᠡᠨ ᠪᠠᠲᠤᠯᠠᠬᠤ ᠴᠢᠬᠤᠯᠠᠲᠠᠢ ᠪᠠᠢ᠌ᠬᠤ ᠪᠣᠢ?
      ᠸᠠᠩ ᠢᠥᠢ ᠹᠸᠩ᠄
      ᠲᠠᠷᠢᠶᠠᠯᠠᠩ ᠮᠠᠯ ᠠᠵᠤ ᠠᠬᠤᠶ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠲᠦᠯᠬᠢᠨ ᠠᠬᠢᠭᠤᠯᠵᠤ᠂ ᠪᠣᠬᠢᠷᠲᠤᠯ ᠦᠭᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠦᠢ᠍ᠯᠡᠳᠪᠦᠷᠢᠯᠡᠨ ᠡᠳ᠋ᠰᠢᠭᠦᠯᠵᠦ ᠭᠠᠳᠠᠭᠰᠢ ᠭᠠᠷᠭ᠋ᠠᠬᠤ ᠰᠠᠭᠤᠷᠢᠨ ᠭᠠᠵᠠᠷ᠎ᠤᠨ ᠪᠥᠳᠥᠭᠡᠨ ᠪᠠᠶ᠋ᠢᠭᠤᠯᠤᠯᠲᠠ ᠵᠢ ᠠᠬᠢᠭᠤᠯᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠦᠢ᠍ᠯᠡᠳᠪᠦᠷᠢᠯᠡᠬᠦ᠂ ᠡᠳ᠋ᠰᠢᠭᠦᠯᠬᠦ᠂ ᠭᠠᠳᠠᠭᠰᠢ ᠭᠠᠷᠭ᠋ᠠᠬᠤ ᠵᠡᠷᠭᠡ ᠵᠠᠩᠭᠢᠯᠠᠭ᠎ᠠ ᠵᠢᠨ ᠲᠠᠯ᠎ᠠ᠎ᠪᠠᠷ ᠡᠷᠴᠢᠮᠯᠡᠬᠦ᠎ᠠᠴᠠ ᠭᠠᠳᠠᠨ᠎ᠠ ᠪᠠᠰᠠ ᠤᠯᠠᠨ ᠲᠠᠯ᠎ᠠ ᠵᠢᠨ ᠪᠠᠲᠤᠯᠠᠭ᠎ᠠ ᠴᠢᠬᠤᠯᠠᠲᠠᠢ ᠶᠤᠮ᠃ ᠨᠢᠭᠡ᠎ᠳᠤ ᠪᠠᠶ᠋ᠢᠭᠤᠯᠤᠯ ᠲᠣᠭᠲᠠᠴᠠ ᠵᠢᠨ ᠪᠠᠲᠤᠯᠠᠭ᠎ᠠ ᠪᠠᠶ᠋ᠢᠬᠤ ᠬᠡᠷᠡᠭᠲᠡᠶ᠃ ᠭᠣᠣᠯᠳᠠᠯᠭ᠎ᠠ᠎ᠨᠢ ᠪᠣᠯ ᠭᠠᠵᠠᠷ ᠰᠢᠷᠣᠶ ᠳᠠᠭ᠋ᠠᠭ᠋ᠠᠴᠢᠯᠠᠨ ᠡᠵᠡᠩᠨᠡᠬᠦ ᠡᠷᠬᠡ ᠵᠢ ᠨᠤᠲᠠᠯᠠᠨ ᠲᠠᠩᠰᠠᠯᠠᠵᠤ ᠦᠨᠡᠮᠯᠡᠯ ᠣᠯᠭᠣᠬᠤ ᠪᠠ ᠨᠤᠲᠤᠭ ᠪᠡᠯᠴᠢᠭᠡᠷ᠎ᠤᠨ ᠥᠮᠴᠢᠯᠡᠬᠦ ᠡᠷᠬᠡ ᠵᠢ ᠨᠤᠲᠠᠯᠠᠨ ᠲᠣᠭᠲᠠᠭ᠋ᠠᠨ ᠳᠠᠭ᠋ᠠᠭ᠋ᠠᠴᠢᠯᠠᠭᠤᠯᠬᠤ ᠵᠢ ᠰᠠᠶ᠋ᠢᠲᠤᠷ ᠠᠳᠬᠤᠵᠤ᠂ ᠭᠠᠵᠠᠷ ᠰᠢᠷᠣᠶ ᠵᠢ ᠬᠡᠪᠴᠢᠶᠡᠴᠢᠯᠡᠨ ᠡᠵᠡᠩᠨᠡᠬᠦ᠎ᠳᠤ ᠰᠠᠢ᠌ᠨ ᠰᠠᠭᠤᠷᠢ ᠲᠠᠯᠪᠢᠵᠤ ᠥᠭᠬᠦ ᠬᠡᠷᠡᠭᠲᠡᠶ; ᠭᠠᠵᠠᠷ ᠰᠢᠷᠣᠶ ᠡᠪᠡᠰᠦ ᠪᠡᠯᠴᠢᠭᠡᠷ᠎ᠤᠨ ᠡᠵᠡᠩᠨᠡᠯᠲᠡ ᠵᠢᠨ ᠡᠷᠬᠡ ᠵᠢᠨ ᠡᠮᠬᠢ ᠵᠢᠷᠤᠮ᠎ᠲᠠᠢ ᠡᠷᠭᠢᠯᠳᠦᠭᠦᠯᠬᠦ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠲᠤᠰᠬᠠᠶ᠋ᠢᠵᠢᠭᠰᠠᠨ᠂ ᠪᠠᠷᠢᠮᠵᠢᠶᠠᠵᠢᠭᠰᠠᠨ ᠦᠢ᠍ᠯᠡᠳᠪᠦᠷᠢᠯᠡᠯ᠎ᠢ ᠠᠬᠢᠭᠤᠯᠬᠤ ᠬᠡᠷᠡᠭᠲᠡᠢ᠃ ᠬᠣᠶᠠᠷ᠎ᠲᠤ ᠡᠬᠢ ᠪᠠᠶᠠᠯᠢᠭ ᠣᠷᠴᠢᠨ ᠲᠣᠭᠤᠷᠢᠨ᠎ᠤ ᠪᠠᠲᠤᠯᠠᠭ᠎ᠠ ᠪᠠᠶ᠋ᠢᠬᠤ ᠬᠡᠷᠡᠭᠲᠡᠶ᠃ ᠮᠠᠨ᠎ᠤ ᠤᠷᠤᠨ᠎ᠤ ᠲᠩᠷᠢ᠎ᠨᠢ ᠴᠡᠯᠮᠡᠭ᠂ ᠲᠠᠯ᠎ᠠ᠎ᠨᠢ ᠨᠣᠭᠤᠭ᠋ᠠᠨ᠂ ᠤᠰᠤ᠎ᠨᠢ ᠲᠤᠩᠭ᠋ᠠᠯᠠᠭ ᠳᠠᠪᠠᠭᠤᠯᠢᠭ ᠪᠠᠶ᠋ᠢᠭ᠋ᠠᠯᠢ ᠵᠢᠨ ᠡᠬᠢ ᠪᠠᠶᠠᠯᠢᠭ᠎ᠢ ᠰᠠᠢ᠌ᠲᠤᠷ ᠰᠠᠬᠢᠨ ᠬᠠᠮᠠᠭ᠋ᠠᠯᠠᠵᠤ᠂ ᠬᠠᠷ᠎ᠠ ᠬᠥᠷᠥᠰᠥᠲᠦ ᠭᠠᠵᠠᠷ ᠰᠢᠷᠣᠶ ᠵᠢ ᠬᠠᠮᠠᠭ᠋ᠠᠯᠠᠬᠤ ᠢᠨᠵᠧᠨᠧᠷᠢᠩ᠎ᠢ ᠶᠡᠬᠡᠪᠡᠷ ᠬᠡᠷᠡᠭᠵᠢᠭᠦᠯᠦᠨ᠂ ᠲᠠᠷᠢᠶᠠᠯᠠᠩ᠎ᠤᠨ ᠤᠯᠠᠨ ᠡᠬᠢᠳᠤ ᠪᠣᠬᠢᠷᠲᠤᠯ᠎ᠢ ᠠᠷᠢᠯᠭ᠋ᠠᠬᠤ ᠳᠠᠢ᠌ᠨ᠎ᠢ ᠰᠠᠶ᠋ᠢᠲᠤᠷ ᠬᠢᠵᠦ᠂ ᠪᠣᠬᠢᠷᠲᠤᠯ ᠦᠭᠡᠢ᠂ ᠣᠷᠭ᠋ᠠᠨᠢᠭ ᠭᠠᠷᠤᠯᠲᠠ ᠵᠢᠨ ᠤᠷᠤᠨ᠎ᠤ ᠨᠡᠷᠡᠲᠦ ᠲᠡᠮᠳᠡᠭᠲᠦ ᠵᠢ ᠠᠯᠳᠠᠷᠰᠢᠭᠤᠯᠬᠤ ᠬᠡᠷᠡᠭᠲᠡᠢ᠃
      ᠸᠠᠩ ᠢᠥᠢ ᠹᠸᠩ᠄
      ᠭᠤᠷᠪᠠ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠲᠤᠯᠠᠭ᠎ᠠ ᠪᠠᠶ᠋ᠢᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠤᠨ ᠨᠡᠬᠡᠬᠡᠵᠦ ᠬᠡᠷᠡᠭᠯᠡᠬᠦ ᠵᠢ ᠴᠢᠩᠭ᠋ᠠᠳᠬᠠᠵᠤ᠂ ᠲᠠᠷᠢᠬᠤ᠂ ᠲᠡᠵᠢᠭᠡᠨ ᠦᠷᠡᠵᠢᠭᠦᠯᠬᠦ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠲᠡᠢ; ᠡᠳ᠋ᠰᠢᠭᠦᠯᠬᠦ ᠭᠣᠭᠴᠣᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠭᠤᠯᠤᠭᠳᠠᠴᠠ ᠵᠢ ᠳᠡᠭᠡᠭᠰᠢᠯᠡᠭᠦᠯᠦᠨ᠂ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠡᠳ᠋ᠰᠢᠭᠦᠯᠦᠨ ᠪᠣᠯᠪᠠᠰᠤᠷᠠᠭᠤᠯᠬᠤ ᠲᠥᠬᠥᠭᠡᠷᠦᠮᠵᠢ ᠵᠢ ᠦᠭᠡᠷᠡᠴᠢᠯᠡᠨ ᠲᠡᠰ ᠳᠡᠪᠰᠢᠭᠦᠯᠬᠦ ᠵᠢ ᠰᠠᠶ᠋ᠢᠲᠤᠷ ᠠᠳᠬᠤᠵᠤ᠂ ᠪᠣᠬᠢᠷᠲᠤᠯ ᠦᠭᠡᠢ᠂ ᠰᠢᠮ᠎ᠡ ᠲᠡᠵᠢᠭᠡᠯᠲᠦ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠡᠳ᠋ᠰᠢᠭᠦᠯᠦᠨ ᠪᠣᠯᠪᠠᠰᠤᠷᠠᠭᠤᠯᠬᠤ ᠬᠡᠷᠡᠭᠲᠡᠢ᠃ ᠳᠥᠷᠪᠡ᠎ᠳᠤ ᠬᠢᠨᠠᠯᠲᠠ ᠬᠠᠮᠢᠶᠠᠷᠤᠯᠲᠠ ᠵᠢᠨ ᠪᠠᠲᠤᠯᠠᠭ᠎ᠠ ᠪᠠᠢ᠌ᠬᠤ ᠬᠡᠷᠡᠭᠲᠡᠢ᠃ ᠭᠣᠣᠯ᠎ᠨᠢ ᠲᠠᠷᠢᠶᠠᠯᠠᠩ ᠮᠠᠯ ᠠᠵᠤ ᠠᠬᠤᠶ ᠵᠢᠨ ᠣᠷᠣᠭᠤᠯᠤᠯᠲᠠ ᠵᠢᠨ ᠡᠳ᠋᠎ᠢ ᠦᠢ᠍ᠯᠡᠳᠪᠦᠷᠢᠯᠡᠵᠦ ᠬᠡᠷᠡᠭᠯᠡᠬᠦ ᠪᠠ ᠬᠢᠨᠠᠨ ᠬᠠᠮᠢᠶᠠᠷᠬᠤ ᠴᠢᠩᠭ᠎ᠠ ᠬᠠᠲᠠᠭᠤ ᠲᠥᠷᠢᠮ᠎ᠢ ᠬᠡᠷᠡᠭᠵᠢᠭᠦᠯᠦᠨ᠂ ᠲᠠᠷᠢᠶᠠᠯᠠᠩ᠎ᠤᠨ ᠪᠦᠲᠦᠬᠡᠭᠳᠡᠬᠦᠨ ᠮᠠᠯ᠎ᠤᠨ ᠠᠰᠢᠭ ᠰᠢᠮ᠎ᠡ ᠵᠢᠨ ᠶᠠᠰᠤ ᠴᠢᠨᠠᠷ᠎ᠤᠨ ᠠᠮᠤᠷ ᠲᠥᠪᠰᠢᠨ᠎ᠢ ᠮᠦᠷᠳᠡᠨ ᠬᠠᠢ᠌ᠬᠤ ᠰᠢᠰᠲᠸᠮᠵᠢ ᠵᠢ ᠪᠠᠶ᠋ᠢᠭᠤᠯᠵᠤ᠂ ᠲᠠᠷᠢᠶᠠᠨ ᠭᠠᠵᠠᠷ᠎ᠠᠴᠠ ᠬᠣᠭᠣᠯᠠᠨ ᠰᠢᠷᠡᠭᠡ ᠬᠦᠷᠲᠡᠯᠡᠬᠢ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠶᠠᠰᠤ ᠴᠢᠨᠠᠷ᠎ᠤᠨ ᠠᠮᠤᠷ ᠲᠥᠪᠰᠢᠨ᠎ᠤ ᠪᠦᠬᠦ ᠶᠠᠪᠤᠴᠠ ᠵᠢ ᠬᠢᠨᠠᠨ ᠬᠠᠮᠢᠶᠠᠷᠬᠤ ᠰᠢᠰᠲᠸᠮᠵᠢ ᠵᠢ ᠲᠡᠭᠦᠯᠳᠡᠷᠵᠢᠭᠦᠯᠵᠦ᠂ 《ᠬᠣᠭᠣᠯᠠᠨ ᠰᠢᠷᠡᠭᠡᠨ ᠳᠡᠭᠡᠷᠡᠬᠢ ᠠᠮᠤᠷ ᠲᠦᠪᠰᠢᠨ》᠎ᠢ ᠪᠠᠲᠤᠯᠠᠬᠤ ᠬᠡᠷᠡᠭᠲᠡᠢ᠃
      ᠬᠥᠲᠥᠯᠥᠭᠴᠢ᠄
      ᠸᠠᠩ ᠲᠢᠩᠬᠢᠮ᠎ᠤᠨ ᠳᠠᠷᠤᠭ᠎ᠠ ᠵᠢᠨ ᠬᠦᠯᠢᠴᠡᠩᠭᠦᠶ ᠲᠠᠢ᠌ᠯᠤᠮᠵᠢ ᠬᠢᠭᠰᠡᠨ᠎ᠳᠤ ᠲᠦᠢ᠍ᠯ ᠵᠶ᠋ᠡᠷ ᠲᠠᠯᠠᠷᠬᠠᠵᠤ ᠪᠠᠢ᠌ᠨ᠎ᠠ᠃ ᠥᠨᠥᠳᠦᠷ᠎ᠤᠨ ᠰᠤᠷᠪᠤᠯᠵᠢᠯᠠᠭ᠎ᠠ ᠡᠨᠳᠡ ᠬᠦᠷᠦᠭᠡᠳ ᠵᠠᠪᠰᠠᠷᠯᠠᠯ᠎ᠠ᠂ ᠳᠠᠷᠠᠭ᠋ᠠᠴᠢ ᠵᠢᠨ ᠫᠷᠦᠭᠷᠡᠮ᠎ᠳᠤ ᠪᠠᠶᠠᠷᠲᠠᠶ ᠵᠤᠯᠭ᠋ᠠᠶ᠎ᠠ!

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《13· 5》 ᠵᠢᠨ ᠲᠥᠯᠥᠪᠵᠢᠭᠦᠯᠭᠡ ᠵᠢᠨ 《ᠬᠥᠲᠥᠯᠪᠦᠷᠢ》 ᠵᠢᠨ ᠲᠠᠶ᠋ᠢᠯᠤᠮᠵᠢ
ᠳᠡᠭᠡᠳᠦ ᠬᠤᠷᠲᠤ ᠵᠢᠨ ᠥᠷᠭᠡᠨ ᠪᠦᠰᠡᠲᠦ ᠰᠦᠯᠵᠢᠶᠡᠨ᠎ᠤ ᠪᠠᠶ᠋ᠢᠭᠤᠯᠤᠯᠲᠠ ᠵᠢ ᠲᠦᠷᠭᠡᠳᠬᠡᠵᠦ᠂ ᠮᠠᠨ᠎ᠤ ᠣᠷᠣᠨ᠎ᠤ ᠮᠡᠳᠡᠭᠡ ᠵᠠᠩᠭᠢᠵᠢᠯᠲᠠ ᠵᠢᠨ ᠬᠢᠷᠢ ᠬᠡᠮᠵᠢᠶ᠎ᠡ ᠵᠢ ᠦᠨᠡᠨ ᠬᠦ᠌ ᠳᠡᠭᠡᠭᠰᠢᠯᠡᠭᠦᠯᠦᠶ᠎ᠡ
ᠮᠠᠨ᠎ᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠬᠦᠳᠦᠯᠲᠡ
ᠥᠪᠡᠷᠲᠡᠭᠡᠨ ᠵᠠᠰᠠᠬᠤ ᠣᠷᠣᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ᠎ᠤᠨ ᠪᠠᠶ᠋ᠢᠭᠤᠯᠤᠯᠲᠠ ᠵᠢᠨ ᠪᠠᠶ᠋ᠢᠳᠠᠯ᠎ᠤᠨ ᠲᠠᠶ᠋ᠢᠯᠤᠮᠵᠢ
ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠬᠦ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
 
            