ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠴᠠᠭ ᠲᠣᠬᠢᠶᠠᠯ᠎ᠢ ᠠᠮᠵᠢᠨ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ ᠥᠪᠥᠷ ᠮᠣᠩᠭᠣᠯ᠎ᠤᠨ ᠬᠦᠭᠵᠢᠨ ᠮᠠᠨᠳᠤᠭᠰᠠᠨ ᠰᠢᠨ᠎ᠡ ᠪᠠᠶ᠋ᠢᠳᠠᠯ᠎ᠢ ᠲᠠᠰᠣᠷᠠᠯᠲᠠ ᠣᠢ᠍ᠭᠡᠢ ᠪᠤᠢ ᠪᠣᠯᠭ᠋ᠠᠶ᠎ᠠ
ᠨᠡᠶ᠋ᠢᠲᠡᠯᠡᠭᠰᠡᠨ ᠴᠠᠭ᠄ 2016-08-29

      ᠰᠤᠷᠪᠤᠯᠵᠢᠯᠠᠭᠰᠠᠨ ᠴᠠᠭ᠄
     2016 ᠣᠨ᠎ᠤ 8 ᠳ᠋ᠤᠭ᠋ᠠᠷ ᠰᠠᠷ᠎ᠠ ᠵᠢᠨ 9᠎ᠤ ᠡᠳᠦᠷ᠎ᠤᠨ ᠦᠳᠡ ᠵᠢᠨ ᠡᠮᠦᠨᠡᠬᠢ 10 ᠴᠠᠭ
      ᠰᠤᠷᠪᠤᠯᠵᠢᠯᠠᠭᠰᠠᠨ ᠵᠣᠴᠢᠨ᠄
      ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠎ᠤᠨ ᠳᠡᠳ᠋ ᠡᠷᠬᠢᠯᠡᠭᠴᠢ   ᠸᠧᠨ ᠮᠢᠨ
      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
      ᠣᠶ᠋ᠢᠷ᠎ᠠ᠎ᠳᠤ᠂ ᠪᠢᠳᠡ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠎ᠤᠨ ᠳᠡᠳ᠋ ᠡᠷᠬᠢᠯᠡᠭᠴᠢ ᠸᠧᠨ ᠮᠢᠨ᠎ᠢ 《ᠳᠤᠮᠳᠠᠳᠤ ᠤᠯᠤᠰ   ᠥᠪᠥᠷ ᠮᠣᠩᠭᠣᠯ》 ᠰᠦᠯᠵᠢᠶ᠎ᠡ᠎ᠳᠤ ᠤᠷᠢᠵᠤ᠂ 《ᠴᠠᠭ ᠲᠣᠬᠢᠶᠠᠯ᠎ᠢ ᠠᠮᠵᠢᠨ   ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ   ᠥᠪᠥᠷ ᠮᠣᠩᠭᠣᠯ᠎ᠤᠨ ᠬᠦᠭᠵᠢᠨ ᠮᠠᠨᠳᠤᠭᠰᠠᠨ ᠰᠢᠨ᠎ᠡ ᠪᠠᠶ᠋ᠢᠳᠠᠯ᠎ᠢ ᠲᠠᠰᠣᠷᠠᠯᠲᠠ ᠣᠢ᠍ᠭᠡᠢ ᠪᠤᠢ ᠪᠣᠯᠭ᠋ᠠᠶ᠎ᠠ》 ᠭᠡᠰᠡᠨ ᠭᠣᠣᠯ ᠰᠡᠳᠦᠪ ᠵᠶ᠋ᠡᠷ ᠰᠦᠯᠵᠢᠶᠡᠨ᠎ᠤ ᠠᠨᠳᠠ ᠨᠠᠷ᠎ᠲᠠᠢ ᠶᠠᠷᠢᠯᠴᠠᠭᠤᠯᠬᠤ᠎ᠪᠠᠷ ᠪᠣᠯᠪᠠ᠃ ᠲᠤᠬᠠᠶ ᠵᠢᠨ ᠴᠠᠭ᠎ᠲᠤ᠂ ᠥᠷᠭᠡᠨ ᠣᠯᠠᠨ ᠰᠦᠯᠵᠢᠶᠡᠨ᠎ᠤ ᠨᠠᠶ᠋ᠢᠵᠠ ᠨᠠᠷ ᠮᠢᠨᠢ ᠢᠳᠡᠪᠬᠢᠲᠡᠶ ᠣᠷᠤᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ!
                    ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ
      ᠬᠥᠲᠥᠯᠥᠭᠴᠢ᠄
      ᠦᠷᠭᠡᠨ ᠤᠯᠠᠨ ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨᠠᠤ! ᠲᠠᠨ ᠪᠦᠬᠦᠨ ᠲᠤᠰ ᠬᠤᠭᠤᠴᠠᠭ᠋ᠠᠨ᠎ᠤ 《ᠳᠤᠮᠳᠠᠳᠤ ᠤᠯᠤᠰ   ᠥᠪᠥᠷ ᠮᠣᠩᠭᠣᠯ》 ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢ ᠬᠦᠯᠢᠶᠡᠨ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳᠡᠨ᠎ᠤ ᠤᠷᠢᠭᠰᠠᠨ ᠵᠣᠴᠢᠨ ᠪᠣᠯ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠎ᠤᠨ ᠳᠡᠳ᠋ ᠡᠷᠬᠢᠯᠡᠭᠴᠢ ᠸᠧᠨ ᠮᠢᠨ ᠪᠣᠯᠤᠨ᠎ᠠ᠃ ᠸᠸᠨ ᠡᠷᠬᠢᠯᠡᠭᠴᠢ ᠡ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
      ᠸᠧᠨ ᠮᠢᠨ᠄
      ᠬᠥᠲᠥᠯᠥᠭᠴᠢ ᠰᠠᠢ᠍ᠢ᠍ᠨ ᠦᠦ᠂ ᠰᠦᠯᠵᠢᠶᠡᠨ᠎ᠤ ᠨᠠᠶ᠋ᠢᠵᠠ ᠨᠠᠷ ᠲᠠ ᠪᠦᠭᠦᠨ ᠰᠠᠢ᠍ᠢ᠍ᠨ ᠪᠠᠢ᠌ᠵᠠᠭ᠋ᠠᠨᠠᠤ!
      ᠬᠥᠲᠥᠯᠥᠭᠴᠢ᠄
      ᠸᠸᠨ ᠡᠷᠬᠢᠯᠡᠭᠴᠢ ᠡ᠂ ᠣᠶ᠋ᠢᠷ᠎ᠠ᠎ᠳᠤ᠂ 《ᠵᠡᠭᠦᠨ ᠬᠣᠶ᠋ᠢᠲᠤ ᠣᠷᠣᠨ ᠵᠡᠷᠭᠡ ᠠᠵᠤ ᠦᠢ᠍ᠯᠡᠳᠪᠦᠷᠢ ᠵᠢᠨ ᠬᠠᠭᠤᠴᠢᠨ ᠰᠠᠭᠤᠷᠢᠨ ᠭᠠᠵᠠᠷ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ᠎ᠤᠳ》᠎ᠢ ᠢᠯᠡ᠎ᠪᠠᠷ ᠨᠡᠶ᠋ᠢᠲᠡᠯᠡᠨ ᠬᠡᠷᠡᠭᠵᠢᠭᠦᠯᠪᠡ᠃ ᠲᠡᠭᠡᠪᠡᠯ᠂ 《ᠰᠠᠨᠠᠯ᠎ᠤᠳ》᠎ᠢ ᠶᠠᠮᠠᠷ ᠠᠬᠤᠢ ᠪᠠᠢ᠌ᠳᠠᠯ ᠳᠣᠣᠷ᠎ᠠ ᠨᠡᠶ᠋ᠢᠲᠡᠯᠡᠨ ᠬᠡᠷᠡᠭᠵᠢᠭᠦᠯᠦᠭᠰᠡᠨ ᠪᠤᠢ?
      ᠸᠧᠨ ᠮᠢᠨ᠄
     2003 ᠣᠨ᠎ᠳᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠵᠡᠭᠦᠨ ᠬᠣᠶ᠋ᠢᠲᠤ ᠣᠷᠣᠨ ᠵᠡᠷᠭᠡ ᠠᠵᠤ ᠦᠢ᠍ᠯᠡᠳᠪᠦᠷᠢ ᠵᠢᠨ ᠬᠠᠭᠤᠴᠢᠨ ᠰᠠᠭᠤᠷᠢᠨ ᠭᠠᠵᠠᠷ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠭᠠᠷᠭ᠋ᠠᠪᠠ᠃ 2007 ᠣᠨ᠎ᠤ 8 ᠳ᠋ᠤᠭ᠋ᠠᠷ ᠰᠠᠷ᠎ᠠ᠎ᠳᠤ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠬᠥᠯᠥᠨ ᠪᠣᠶ᠋ᠢᠷ᠂ ᠬᠢᠩᠭ᠋ᠠᠨ᠂ ᠲᠦᠩᠯᠢᠶᠣᠤ᠂ ᠤᠯᠠᠭ᠋ᠠᠨᠬᠠᠳᠠ᠂ ᠰᠢᠯᠢ ᠵᠢᠨ ᠭᠣᠣᠯ ᠵᠡᠷᠭᠡ ᠲᠠᠪᠤᠨ ᠠᠶ᠋ᠢᠮᠠᠭ ᠬᠣᠲᠠ ᠵᠢ ᠤᠯᠤᠰ᠎ᠤᠨ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢᠨ ᠬᠡᠷᠡᠭᠵᠢᠭᠦᠯᠬᠦ ᠬᠡᠪᠴᠢᠶᠡᠨ᠎ᠳᠤ ᠵᠢᠩᠬᠢᠨᠢ᠎ᠪᠠᠷ ᠣᠷᠤᠭᠤᠯᠪᠠ᠃
      ᠤᠯᠤᠰ᠎ᠠᠴᠠ ᠵᠡᠭᠦᠨ ᠬᠣᠶ᠋ᠢᠲᠤ ᠣᠷᠣᠨ ᠵᠡᠷᠭᠡ ᠠᠵᠤ ᠦᠢ᠍ᠯᠡᠳᠪᠦᠷᠢ ᠵᠢᠨ ᠬᠠᠭᠤᠴᠢᠨ ᠰᠠᠭᠤᠷᠢᠨ ᠭᠠᠵᠠᠷ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠡᠬᠢᠯᠡᠨ ᠬᠡᠷᠡᠭᠵᠢᠭᠦᠯᠦᠰᠡᠨ᠎ᠠᠴᠠ ᠨᠠᠰᠢ᠂ ᠤᠯᠤᠰ ᠪᠣᠯᠤᠨ ᠣᠷᠣᠨ ᠨᠤᠲᠤᠭ᠎ᠤᠨ ᠬᠠᠮᠲᠤ ᠵᠢᠨ ᠴᠢᠷᠮᠠᠶ᠋ᠢᠯᠭ᠎ᠠ ᠳᠣᠣᠷ᠎ᠠ᠂ ᠵᠡᠭᠦᠨ ᠬᠣᠶ᠋ᠢᠲᠤ ᠣᠷᠣᠨ᠎ᠤ ᠠᠵᠤ ᠦᠢ᠍ᠯᠡᠳᠪᠦᠷᠢ ᠵᠢᠨ ᠬᠠᠭᠤᠴᠢᠨ ᠰᠠᠭᠤᠷᠢᠨ ᠭᠠᠵᠠᠷ᠎ᠢ ᠬᠥᠭᠵᠢᠭᠦᠯᠦᠨ ᠮᠠᠨᠳᠤᠭᠤᠯᠬᠤ ᠠᠵᠢᠯ ᠢᠯᠡᠳᠲᠡ ᠠᠮᠵᠢᠯᠲᠠ ᠪᠦᠲᠦᠮᠵᠢ ᠣᠯᠤᠭᠰᠠᠨ ᠪᠠ ᠱᠠᠳᠤ ᠦᠶ᠎ᠡ ᠵᠢᠨ ᠴᠢᠨᠠᠷᠲᠠᠶ ᠦᠷ᠎ᠡ ᠪᠦᠲᠦᠭᠡᠯ ᠣᠯᠵᠤ᠂ ᠭᠣᠣᠯᠳᠠᠯᠭ᠎ᠠ᠎ᠲᠠᠢ ᠬᠦᠷᠢᠶᠡᠨ᠎ᠳᠠᠬᠢ ᠥᠭᠡᠷᠡᠴᠢᠯᠡᠯᠲᠡ᠂ ᠠᠵᠤ ᠦᠢ᠍ᠯᠡᠰ᠎ᠤᠨ ᠬᠥᠭᠵᠢᠯᠲᠡ᠂ ᠨᠡᠶ᠋ᠢᠭᠡᠮ ᠠᠷᠠᠳ᠎ᠤᠨ ᠠᠮᠢᠳᠤᠷᠠᠯ᠂ ᠠᠮᠢ ᠠᠬᠤᠶ ᠵᠢᠨ ᠪᠦᠳᠦᠬᠡᠨ ᠪᠠᠶ᠋ᠢᠭᠤᠯᠤᠯᠲᠠ ᠵᠡᠷᠭᠡ ᠲᠠᠯ᠎ᠠ᠎ᠪᠠᠷ ᠢᠳᠡᠪᠬᠢᠲᠡᠶ ᠠᠬᠢᠯᠳᠠ᠎ᠲᠠᠢ ᠪᠣᠯᠤᠭᠰᠠᠨ ᠪᠠᠶ᠋ᠢᠨ᠎ᠠ᠃
     2014 ᠣᠨ᠎ᠠᠴᠠ ᠨᠠᠰᠢ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠵᠤ ᠠᠬᠤᠶ ᠵᠢᠨ ᠣᠷᠴᠢᠨ ᠲᠣᠭᠣᠷᠢᠨ ᠪᠣᠯᠤᠨ ᠲᠤᠰ ᠪᠡᠶ᠎ᠡ ᠵᠢᠨ ᠪᠠᠶ᠋ᠢᠭᠤᠯᠤᠯ ᠲᠣᠭᠲᠠᠴᠠ᠂ ᠠᠵᠤ ᠦᠢ᠍ᠯᠡᠰ᠎ᠤᠨ ᠪᠦᠲᠦᠴᠡ ᠵᠡᠷᠭᠡ ᠬᠦᠴᠦᠨ ᠵᠦᠢ᠍ᠯ᠎ᠤᠨ ᠨᠥᠯᠥᠭᠡ᠎ᠠᠴᠠ ᠪᠣᠯᠵᠤ᠂ ᠵᠡᠭᠦᠨ ᠬᠣᠶ᠋ᠢᠲᠤ ᠣᠷᠣᠨ᠎ᠤ ᠠᠵᠤ ᠠᠬᠤᠶ ᠵᠢᠨ ᠬᠥᠭᠵᠢᠯᠲᠡ᠎ᠳᠤ ᠨᠡᠯᠢᠶᠡᠳ ᠶᠡᠬᠡ ᠬᠦᠴᠢᠷᠳᠡᠯ ᠪᠣᠯᠤᠨ ᠥᠷᠢᠰᠥᠯᠳᠦᠭᠡᠨ ᠲᠤᠯᠭ᠋ᠠᠷᠠᠵᠤ᠂ ᠭᠣᠣᠯ ᠠᠵᠤ ᠠᠬᠤᠶ ᠵᠢᠨ ᠭᠦᠢ᠍ᠴᠡᠳᠬᠡᠯ ᠲᠣᠭ᠎ᠠ ᠵᠢᠨ ᠨᠡᠮᠡᠭᠳᠡᠯ᠎ᠤᠨ ᠬᠤᠷᠳᠤᠴᠠ ᠢᠯᠡᠳᠲᠡ ᠪᠠᠭᠤᠷᠠᠵᠠᠶ᠃
      ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠠᠰᠠᠭᠤᠳᠠᠯ᠂ ᠰᠢᠨ᠎ᠡ ᠬᠦᠴᠢᠷᠳᠡᠯ᠂ ᠰᠢᠨ᠎ᠡ ᠦᠷᠢᠰᠦᠯᠳᠦᠭᠡᠨ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠪᠡ᠃ ᠶᠡᠷᠦᠩᠬᠡᠶ ᠱᠦᠵᠢ ᠰᠢ ᠵᠢᠨ ᠫᠢᠩ᠂ ᠶᠡᠷᠦᠩᠬᠡᠶ ᠰᠠᠶ᠋ᠢᠳ ᠯᠢ ᠺᠧ ᠴᠢᠶᠠᠩ᠂ ᠳᠡᠳ᠋ ᠶᠡᠷᠦᠩᠬᠡᠶ ᠰᠠᠶ᠋ᠢᠳ   ᠵᠠᠩ ᠭᠣᠣ ᠯᠢ ᠵᠡᠷᠭᠡ ᠲᠥᠪ᠎ᠤᠨ ᠤᠳᠤᠷᠢᠳᠬᠤ ᠨᠥᠬᠥᠳ ᠤᠯᠠᠨ ᠤᠳᠠᠭ᠎ᠠ ᠬᠤᠷᠠᠯ ᠬᠤᠷᠠᠯᠳᠤᠭᠤᠯᠤᠭᠰᠠᠨ ᠪᠥᠭᠡᠳ ᠴᠢᠬᠤᠯᠠ ᠴᠣᠬᠣᠯᠠᠪᠤᠷᠢ ᠵᠢᠭ᠋ᠠᠪᠤᠷᠢ ᠥᠭᠭᠦᠭᠰᠡᠨ ᠪᠠ ᠴᠢᠬᠤᠯᠠ ᠶᠠᠷᠢᠶ᠎ᠠ ᠲᠠᠯᠪᠢᠪᠠ᠃ ᠡᠨᠡ ᠵᠢᠯ᠎ᠤᠨ 4 ᠳ᠋ᠦ᠍ᠭᠡᠷ ᠰᠠᠷ᠎ᠠ᠎ᠳᠤ᠂ 《ᠵᠡᠭᠦᠨ ᠬᠣᠶ᠋ᠢᠲᠤ ᠣᠷᠣᠨ ᠵᠡᠷᠭᠡ ᠠᠵᠤ ᠦᠢ᠍ᠯᠡᠳᠪᠦᠷᠢ ᠵᠢᠨ ᠬᠠᠭᠤᠴᠢᠨ ᠰᠠᠭᠤᠷᠢᠨ ᠭᠠᠵᠠᠷ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ᠎ᠤᠳ》᠎ᠢ ᠠᠯᠪᠠᠨ ᠶᠣᠰᠣᠭ᠋ᠠᠷ ᠢᠯᠡ ᠨᠡᠶ᠋ᠢᠲᠡᠯᠡᠪᠡ᠃ 《ᠰᠠᠨᠠᠯ᠎ᠤᠳ》᠎ᠨᠢ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠤᠨ ᠳᠠᠷᠠᠭ᠋ᠠᠬᠢ 《ᠭᠤᠷᠪᠠᠨ ᠶᠡᠬᠡ ᠪᠠᠶ᠋ᠢᠯᠳᠤᠬᠤ ᠪᠤᠳᠤᠯᠭ᠎ᠠ》 ᠵᠢ ᠭᠠᠷᠭ᠋ᠠᠪᠠᠯ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠨᠡᠷ᠎ᠡ᠎ᠪᠠᠷ ᠳᠠᠷᠤᠮᠠᠯᠯᠠᠨ ᠲᠠᠷᠬᠠᠭ᠋ᠠᠭᠰᠠᠨ ᠣᠷᠣᠨ ᠪᠦᠰᠡ ᠵᠢᠨ ᠬᠥᠭᠵᠢᠯᠲᠡ᠎ᠳᠤ ᠬᠣᠯᠪᠤᠭᠳᠠᠭᠰᠠᠨ ᠠᠩᠬᠠᠳᠠᠭᠴᠢ ᠴᠢᠬᠤᠯᠠ ᠶᠡᠬᠡ ᠲᠦᠷᠦ ᠵᠢᠨ ᠪᠤᠳᠤᠯᠭ᠎ᠠ ᠵᠢᠨ ᠪᠢᠴᠢᠭ ᠮᠠᠲ᠋ᠧᠷᠢᠶᠠᠯ ᠪᠣᠯᠤᠨ᠎ᠠ᠃ 《ᠰᠠᠨᠠᠯ᠎ᠤᠳ》᠎ᠨᠢ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠤᠯᠤᠰ᠎ᠢ ᠵᠠᠰᠠᠵᠤ ᠵᠠᠰᠠᠭ᠎ᠤᠨ ᠶᠠᠪᠤᠳᠠᠯ᠎ᠢ ᠡᠷᠬᠢᠯᠡᠬᠦ ᠰᠢᠨ᠎ᠡ ᠣᠨᠤᠯᠵᠢᠬᠤᠨ᠂ ᠰᠢᠨ᠎ᠡ ᠦᠵᠡᠯ ᠰᠠᠨᠠᠭ᠎ᠠ᠂ ᠰᠢᠨ᠎ᠡ ᠪᠠᠶ᠋ᠢᠯᠳᠤᠬᠤ ᠪᠣᠳᠣᠯᠭ᠎ᠠ ᠵᠢ ᠪᠦᠬᠦ ᠲᠠᠯ᠎ᠠ᠎ᠪᠠᠷ ᠲᠤᠤᠱ᠌ᠠᠯᠠᠭᠤᠯᠵᠤ᠂ ᠰᠢᠨ᠎ᠡ ᠴᠠᠭ ᠦᠶ᠎ᠡ᠎ᠳᠤ ᠵᠡᠭᠦᠨ ᠬᠣᠶ᠋ᠢᠲᠤ ᠣᠷᠣᠨ ᠵᠡᠷᠭᠡ ᠠᠵᠤ ᠦᠢ᠍ᠯᠡᠳᠪᠦᠷᠢ ᠵᠢᠨ ᠬᠠᠭᠤᠴᠢᠨ ᠰᠠᠭᠤᠷᠢᠨ ᠭᠠᠵᠠᠷ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠲᠦᠯᠬᠢᠨ ᠠᠬᠢᠭᠤᠯᠬᠤ ᠶᠡᠷᠦᠩᠬᠡᠶ ᠰᠡᠳᠬᠢᠴᠡ᠂ ᠬᠥᠭᠵᠢᠯᠲᠡ ᠵᠢᠨ ᠬᠠᠷᠠᠯᠲᠠ᠂ ᠭᠣᠣᠯ ᠡᠭᠦᠷᠭᠡ ᠪᠣᠯᠤᠨ ᠴᠢᠬᠤᠯᠠ ᠶᠡᠬᠡ ᠠᠷᠭ᠎ᠠ ᠬᠡᠮᠵᠢᠶ᠎ᠡ ᠵᠢ ᠲᠣᠳᠤᠷᠬᠠᠢ᠌ᠯᠠᠭᠰᠠᠨ ᠪᠣᠯᠬᠣᠷ᠂ ᠠᠵᠤ ᠠᠬᠤᠶ ᠵᠢᠨ ᠬᠥᠭᠵᠢᠯᠲᠡ ᠵᠢᠨ ᠰᠢᠨ᠎ᠡ ᠬᠡᠪ ᠪᠠᠶ᠋ᠢᠳᠠᠯ ᠳᠣᠣᠷ᠎ᠠ ᠵᠡᠭᠦᠨ ᠬᠣᠶ᠋ᠢᠲᠤ ᠣᠷᠣᠨ᠎ᠤ ᠬᠥᠭᠵᠢᠯᠲᠡ ᠵᠢ ᠵᠢᠯᠣᠭᠣᠳᠬᠤ ᠬᠥᠲᠥᠯᠪᠦᠷᠢ ᠵᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠂ ᠲᠡᠷᠡ᠎ᠨᠢ ᠰᠢᠨ᠎ᠡ ᠨᠢᠭᠡᠨ ᠡᠭᠡᠯᠵᠢ ᠵᠢᠨ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠡᠬᠢᠯᠡᠨ ᠬᠡᠷᠡᠭᠵᠢᠭᠦᠯᠦᠭᠰᠡᠨ᠎ᠢ ᠬᠠᠷᠠᠭᠤᠯᠵᠤ ᠪᠠᠢ᠌ᠨ᠎ᠠ᠃
      ᠬᠥᠲᠥᠯᠥᠭᠴᠢ᠄
     《ᠰᠠᠨᠠᠯ᠎ᠤᠳ》 ᠪᠣᠯ ᠰᠢᠨ᠎ᠡ ᠬᠡᠪ᠎ᠤᠨ ᠪᠠᠶ᠋ᠢᠳᠠᠯ ᠳᠤᠤᠷ᠎ᠠ ᠵᠡᠭᠦᠨ ᠬᠣᠶ᠋ᠢᠲᠤ ᠤᠷᠤᠨ᠎ᠢ ᠬᠦᠭᠵᠢᠭᠦᠯᠦᠨ ᠮᠠᠨᠳᠤᠭᠤᠯᠬᠤ ᠵᠢ ᠵᠢᠯᠣᠭᠣᠳᠬᠤ ᠬᠥᠲᠥᠯᠪᠦᠷᠢ ᠵᠢᠨ ᠴᠢᠨᠠᠷᠲᠠᠶ ᠪᠢᠴᠢᠭ ᠮᠠᠲ᠋ᠧᠷᠢᠶᠠᠯ ᠮᠦᠨ᠃ ᠲᠡᠭᠡᠪᠡᠯ 《ᠰᠠᠨᠠᠯ᠎ᠤᠳ》᠎ᠨᠢ ᠳᠠᠷᠠᠭ᠋ᠠᠴᠢ ᠵᠢᠨ ᠠᠯᠬᠤᠮ᠎ᠳᠤ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ᠎ᠳᠤ ᠶᠠᠮᠠᠷ ᠬᠠᠷᠠᠯᠲᠠ ᠪᠠ ᠡᠭᠦᠷᠭᠡ ᠵᠢ ᠲᠤᠳᠤᠷᠬᠠᠢ᠌ᠯᠠᠭᠰᠠᠨ ᠪᠤᠢ?
      ᠸᠸᠡ ᠮᠢᠨ᠄
     《ᠰᠠᠨᠠᠯ᠎ᠤᠳ》᠎ᠲᠤ ᠰᠢᠨ᠎ᠡ ᠨᠢᠭᠡᠨ ᠡᠭᠡᠯᠵᠢ ᠵᠢᠨ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠬᠣᠶᠠᠷ ᠱᠠᠲᠤ ᠦᠶ᠎ᠡ ᠵᠢᠨ ᠬᠠᠷᠠᠯᠲᠠ ᠵᠢ ᠲᠤᠳᠤᠷᠬᠠᠢ᠌ᠯᠠᠵᠡᠢ᠃ 2020 ᠣᠨ ᠪᠤᠯᠬᠤ᠎ᠳᠤ᠂ ᠵᠡᠭᠦᠨ ᠬᠣᠶ᠋ᠢᠲᠤ ᠣᠷᠣᠨ ᠴᠢᠬᠤᠯᠠ ᠬᠦᠷᠢᠶ᠎ᠡ ᠪᠠ ᠵᠠᠩᠭᠢᠯᠠᠭ᠎ᠠ ᠵᠢᠨ ᠭᠣᠭᠴᠣᠭ᠎ᠠ ᠵᠢᠨ ᠥᠭᠡᠷᠡᠴᠢᠯᠡᠯᠲᠡ ᠵᠢᠨ ᠲᠠᠯ᠎ᠠ᠎ᠪᠠᠷ ᠴᠢᠬᠤᠯᠠ ᠶᠡᠬᠡ ᠦᠷ᠎ᠡ ᠪᠦᠲᠦᠮᠵᠢ ᠣᠯᠵᠤ᠂ ᠠᠵᠤ ᠠᠬᠤᠶ ᠵᠢᠨ ᠬᠥᠭᠵᠢᠯᠲᠡ ᠵᠢᠨ ᠠᠷᠭ᠎ᠠ ᠮᠠᠶᠢᠭ᠎ᠤᠨ ᠬᠤᠪᠢᠷᠠᠭᠤᠯᠤᠯᠲᠠ ᠪᠠ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢᠨ ᠲᠠᠯ᠎ᠠ᠎ᠪᠠᠷ ᠴᠢᠬᠤᠯᠠ ᠶᠡᠬᠡ ᠠᠬᠢᠴᠠ᠎ᠲᠠᠢ ᠪᠤᠯᠵᠤ᠂ ᠠᠵᠤ ᠦᠢ᠍ᠯᠡᠰ᠎ᠨᠢ ᠳᠤᠮᠳᠠ ᠳᠡᠭᠡᠳᠦ ᠳᠡᠰ ᠵᠦᠭ ᠳᠠᠪᠰᠢᠵᠤ᠂ 《ᠰᠢᠨ᠎ᠡ ᠬᠡᠯᠪᠡᠷᠢ ᠵᠢᠨ ᠠᠵᠦ ᠦᠢ᠍ᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠲᠠ ᠪᠠᠯᠭ᠋ᠠᠰᠤᠵᠢᠯᠲᠠ᠂ ᠲᠠᠷᠢᠶᠠᠯᠠᠩ᠎ᠤᠨ ᠤᠳᠤᠬᠢᠵᠢᠯᠠᠯᠲᠠ》 ᠵᠤᠬᠢᠴᠠᠯᠳᠤᠨ ᠬᠦᠭᠵᠢᠭᠰᠡᠨ ᠰᠢᠨ᠎ᠡ ᠪᠠᠶ᠋ᠢᠷᠢᠰᠢᠯ᠎ᠢ ᠦᠨᠳᠦᠰᠦᠨ᠎ᠳᠡᠭᠡᠨ ᠪᠦᠷᠢᠯᠳᠦᠭᠦᠯᠵᠦ᠂ ᠠᠷᠠᠳ ᠲᠦᠮᠡᠨ᠎ᠤ ᠠᠮᠢᠳᠤᠷᠠᠯ᠎ᠤᠨ ᠬᠢᠷᠢ ᠬᠡᠮᠵᠢᠶ᠎ᠡ ᠪᠠ ᠴᠢᠨᠠᠷ ᠴᠢᠨᠰᠠᠭ᠎ᠠ ᠵᠢ ᠨᠡᠶ᠋ᠢᠳᠡᠮ ᠳᠡᠭᠡᠭᠰᠢᠯᠡᠭᠦᠯᠦᠨ᠂ ᠡᠬᠢ ᠪᠠᠶᠠᠯᠢᠭ ᠬᠤᠮᠤᠰᠳᠠᠭᠰᠠᠨ᠂ ᠠᠵᠤ ᠦᠢ᠍ᠯᠡᠰ ᠪᠠᠭᠤᠷᠠᠭᠰᠠᠨ ᠭᠠᠵᠠᠷ ᠣᠷᠣᠨ᠎ᠤ ᠬᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ ᠲᠠᠯ᠎ᠠ᠎ᠪᠠᠷ ᠢᠯᠡᠳᠲᠡ ᠠᠮᠵᠢᠯᠲᠠ ᠪᠦᠲᠦᠮᠵᠢ ᠤᠯᠵᠤ᠂ ᠪᠦᠬᠦ ᠤᠯᠤᠰ᠎ᠲᠠᠢ ᠴᠤᠭᠭ᠋ᠠᠷ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠬᠠᠷᠠᠯᠲᠠ ᠵᠢ ᠪᠡᠶᠡᠯᠡᠭᠦᠯᠦᠨ᠎ᠡ᠃ ᠳᠠᠬᠢᠭ᠋ᠠᠳ ᠠᠷᠪᠠᠨ ᠵᠢᠯ ᠣᠷᠴᠢᠮ᠎ᠤᠨ ᠴᠠᠭ ᠬᠡᠷᠡᠭᠯᠡᠨ᠂ ᠵᠡᠭᠦᠨ ᠬᠣᠶ᠋ᠢᠲᠤ ᠣᠷᠣᠨ᠎ᠢ ᠪᠦᠬᠦ ᠲᠠᠯ᠎ᠠ ᠵᠢᠨ ᠬᠥᠭᠵᠢᠯ ᠮᠠᠨᠳᠤᠯ᠎ᠢ ᠪᠡᠶᠡᠯᠡᠭᠦᠯᠵᠦ᠂ ᠪᠦᠬᠦ ᠤᠯᠤᠰ᠎ᠤᠨ ᠣᠳᠣᠬᠢᠴᠢᠯᠠᠬᠤ ᠪᠦᠳᠦᠭᠡᠠ ᠪᠠᠶ᠋ᠢᠭᠤᠯᠤᠯᠲᠠ ᠵᠢᠨ ᠡᠮᠦᠨ᠎ᠡ ᠡᠩᠨᠡᠭᠡᠨ᠎ᠳᠤ ᠣᠷᠣᠵᠤ᠂ ᠪᠦᠬᠦ ᠤᠯᠤᠰ᠎ᠤᠨ ᠴᠢᠬᠤᠯᠠ ᠠᠵᠤ ᠠᠬᠤᠶ ᠵᠢᠨ ᠲᠤᠯᠭ᠋ᠠᠭᠤᠷᠢᠯᠠᠬᠤ ᠪᠦᠰᠡ ᠪᠤᠯᠵᠤ᠂ ᠳᠡᠯᠡᠬᠡᠶ ᠳᠡᠭᠡᠷ᠎ᠡ ᠥᠷᠢᠰᠥᠯᠳᠦᠬᠦ ᠬᠦᠴᠦᠨ᠎ᠲᠠᠢ ᠲᠡᠷᠢᠭᠦᠨ᠎ᠤ ᠲᠣᠨᠣᠭᠯᠠᠯ ᠦᠢ᠍ᠯᠡᠳᠬᠦ ᠦᠢ᠍ᠯᠡᠰ᠎ᠤᠨ ᠰᠠᠭᠤᠷᠢᠨ ᠭᠠᠵᠠᠷ ᠪᠣᠯᠤᠨ ᠴᠢᠬᠤᠯᠠ ᠶᠡᠬᠡ ᠮᠡᠷᠭᠡᠵᠢᠯ᠎ᠤᠨ ᠲᠣᠨᠣᠭᠯᠠᠯ᠎ᠤᠨ ᠪᠠᠶ᠋ᠢᠯᠳᠤᠬᠤ ᠪᠤᠳᠤᠯᠭ᠎ᠠ ᠵᠢᠨ ᠰᠠᠭᠤᠷᠢᠨ ᠭᠠᠵᠠᠷ᠂ ᠤᠯᠤᠰ᠎ᠤᠨ ᠰᠢᠨ᠎ᠡ ᠬᠡᠯᠪᠡᠷᠢ ᠵᠢᠨ ᠲᠦᠭᠦᠬᠡᠶ ᠡᠳ᠋ ᠮᠠᠲ᠋ᠧᠷᠢᠶᠠᠯ᠎ᠤᠨ ᠰᠠᠭᠤᠷᠢᠨ ᠭᠠᠵᠠᠷ᠂ ᠤᠳᠤ ᠦᠶ᠎ᠡ ᠵᠢᠨ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ ᠪᠠ ᠴᠢᠬᠤᠯᠠ ᠮᠡᠷᠭᠡᠵᠢᠯ᠎ᠤᠨ ᠲᠠᠯ᠎ᠠ᠎ᠪᠠᠷ ᠰᠢᠨ᠎ᠡ ᠵᠢ ᠡᠭᠦᠳᠬᠦ ᠪᠠ ᠰᠤᠳᠤᠯᠤᠨ ᠬᠦᠭᠵᠢᠭᠦᠯᠬᠦ ᠰᠠᠭᠤᠷᠢᠨ ᠭᠠᠵᠠᠷ᠎ᠲᠠᠢ ᠪᠤᠯᠭ᠋ᠠᠨ᠎ᠠ᠂ ᠪᠠᠭᠴᠠᠭ᠋ᠠᠯᠠᠳ ᠬᠡᠯᠡᠪᠡᠯ 《ᠲᠠᠪᠤᠨ ᠰᠠᠭᠤᠷᠢᠨ ᠭᠠᠵᠠᠷ ᠨᠢᠭᠡ ᠲᠤᠯᠭ᠋ᠠᠭᠤᠷᠢ ᠪᠦᠰᠡ》᠎ᠲᠠᠢ ᠪᠤᠯᠭ᠋ᠠᠨ᠎ᠠ᠃
     《ᠰᠠᠨᠠᠯ᠎ᠤᠳ》᠎ᠨᠢ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠵᠡᠭᠦᠨ ᠬᠤᠢ᠌ᠲᠤ ᠤᠷᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠵᠢᠨ ᠦᠵᠡᠯ ᠰᠠᠨᠠᠭ᠎ᠠ ᠵᠢ ᠭᠦᠨᠵᠡᠭᠡᠶ ᠲᠤᠤᠱᠯᠠᠭᠤᠯᠵᠤ᠂ ᠵᠡᠭᠦᠨ ᠬᠣᠶ᠋ᠢᠲᠤ ᠣᠷᠣᠨ᠎ᠤ ᠬᠥᠭᠵᠢᠯᠲᠡ ᠵᠢᠨ ᠪᠣᠳᠠᠲᠠᠶ ᠪᠠᠶ᠋ᠢᠳᠠᠯ᠎ᠲᠠᠢ ᠤᠶᠠᠯᠳᠤᠭᠤᠯᠤᠨ᠂ ᠪᠠᠢ᠌ᠭᠤᠯᠤᠯ᠎ᠤᠨ ᠲᠣᠭᠲᠠᠴᠠ ᠵᠢ ᠬᠦᠴᠦᠯᠡᠨ ᠪᠦᠷᠢᠨᠰᠢᠭᠦᠯᠬᠦ᠂ ᠪᠦᠲᠦᠴᠡ ᠵᠢᠨ ᠲᠤᠬᠢᠷᠠᠭᠤᠯᠤᠯᠲᠠ ᠵᠢ ᠬᠦᠴᠦᠯᠡᠨ ᠠᠬᠢᠭᠤᠯᠬᠤ᠂ ᠰᠢᠨ᠎ᠡ ᠵᠢ   ᠡᠭᠦᠳᠴᠦ ᠠᠳᠠᠯ ᠦᠢ᠍ᠯᠡᠰ ᠴᠤᠭᠴᠠᠯᠠᠬᠤ ᠵᠢ ᠬᠦᠴᠦᠯᠡᠨ ᠵᠤᠷᠢᠭᠵᠢᠭᠤᠯᠬᠤ᠂ ᠠᠷᠠᠳ᠎ᠤᠨ ᠠᠮᠢᠳᠤᠷᠠᠯ᠎ᠢ ᠬᠦᠴᠦ ᠲᠠᠯᠪᠢᠨ ᠪᠠᠲᠤᠯᠠᠨ ᠰᠠᠢ᠌ᠵᠢᠷᠠᠭᠤᠯᠬᠤ ᠲᠤᠭᠤᠷᠢᠨ᠎ᠳᠤ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢ ᠬᠤᠪᠢᠷᠠᠭᠤᠯᠬᠤ ᠵᠢ ᠲᠦᠷᠭᠡᠳᠬᠡᠬᠦ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠠᠮᠢᠶᠠᠷᠤᠯᠲᠠ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠲᠦᠯᠬᠢᠨ ᠠᠬᠢᠭᠤᠯᠬᠤ᠂ ᠠᠷᠠᠳ᠎ᠤᠨ ᠡᠵᠡᠩᠨᠡᠭᠰᠡᠨ ᠠᠵᠤ ᠠᠬᠤᠶ ᠵᠢᠨ ᠬᠥᠭᠵᠢᠯᠲᠡ ᠵᠢ ᠶᠡᠬᠡᠪᠡᠷ ᠳᠡᠮᠵᠢᠬᠦ᠂ ᠭᠣᠣᠯᠳᠠᠯᠭ᠎ᠠ᠎ᠲᠠᠢ ᠲᠤᠰᠬᠠᠶ ᠬᠦᠷᠢᠶᠡᠨ᠎ᠤ ᠥᠭᠡᠷᠡᠴᠢᠯᠡᠯᠲᠡ ᠵᠢ ᠭᠦᠨᠵᠡᠭᠡᠶ ᠲᠦᠯᠬᠢᠨ ᠠᠬᠢᠭᠤᠯᠬᠤ᠂ ᠰᠠᠨᠠᠭ᠋ᠠᠴᠢᠯᠠᠭ᠎ᠠ᠎ᠠᠴᠠ᠎ᠪᠠᠨ ᠠᠭᠤᠰᠤᠯᠴᠠᠬᠤ᠂ 《ᠨᠢᠭᠡ ᠪᠦᠰᠡ ᠨᠢᠭᠡ ᠵᠠᠮ》᠎ᠤᠨ ᠪᠦᠳᠦᠭᠡᠨ ᠪᠠᠶ᠋ᠢᠭᠤᠯᠤᠯᠲᠠ ᠵᠢᠨ ᠪᠠᠶ᠋ᠢᠯᠳᠤᠬᠤ ᠪᠤᠳᠤᠯᠭ᠎ᠠ᠎ᠳᠤ ᠢᠳᠡᠪᠬᠢᠲᠡᠢ ᠤᠷᠤᠯᠴᠠᠬᠤ᠂ ᠪᠡᠭᠡᠵᠢᠩ ᠲᠢᠶᠠᠨᠵᠢᠨ ᠡᠾᠸᠪᠸᠢ ᠵᠡᠷᠭᠡ ᠠᠵᠤ ᠠᠬᠤᠶ ᠵᠢᠨ ᠣᠷᠣᠨ᠎ᠤ ᠣᠷᠣᠨ ᠪᠦᠰᠡ᠎ᠲᠠᠢ ᠵᠤᠯᠭ᠋ᠠᠯᠳᠤᠬᠤ ᠤᠷᠤᠨ ᠪᠦᠰᠡ ᠵᠢᠨ ᠬᠠᠮᠲᠤᠷᠠᠯᠴᠠᠭ᠋ᠠᠨ᠎ᠤ ᠰᠢᠨ᠎ᠡ ᠪᠠᠶ᠋ᠢᠷᠢᠰᠢᠯ᠎ᠢ ᠪᠤᠶ ᠪᠤᠯᠭ᠋ᠠᠬᠤ᠂ ᠲᠣᠨᠣᠭᠯᠠᠯ ᠦᠢ᠍ᠯᠡᠳᠬᠦ ᠵᠡᠷᠭᠡ ᠳᠠᠪᠠᠭᠤᠯᠢᠭ ᠠᠵᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ᠂ ᠰᠢᠨ᠎ᠡ ᠠᠵᠤ ᠦᠢ᠍ᠯᠡᠰ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠎ᠢ ᠢᠳᠡᠪᠬᠢᠲᠡᠢ ᠪᠤᠢ᠌ᠵᠢᠭᠤᠯᠬᠤ᠂ ᠦᠢ᠍ᠯᠡᠳᠪᠦᠷᠢᠯᠡᠯ᠎ᠤᠨ ᠴᠢᠨᠠᠷᠲᠠᠶ ᠦᠢ᠍ᠯᠡᠴᠢᠯᠡᠭᠡᠨ᠎ᠤ ᠦᠢ᠍ᠯᠡᠰ ᠵᠶ᠋ᠡᠷ ᠭᠣᠣᠯᠳᠠᠯᠭ᠎ᠠ ᠪᠣᠯᠭ᠋ᠠᠭᠰᠠᠨ ᠤᠳᠤ ᠦᠢ᠍ᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠢ ᠶᠡᠬᠡᠪᠡᠷ ᠬᠦᠭᠵᠢᠭᠦᠯᠬᠦ᠂ ᠣᠳᠣᠬᠢᠴᠢᠯᠠᠭᠰᠠᠨ ᠲᠤᠮᠤ ᠬᠥᠳᠡᠭᠡ ᠠᠵᠤ ᠠᠬᠤᠶ ᠵᠢ ᠲᠦᠷᠭᠡᠪᠴᠢᠯᠡᠨ ᠬᠦᠭᠵᠢᠭᠦᠯᠬᠦ᠂ ᠰᠠᠭᠤᠷᠢ ᠪᠡᠯᠡᠳᠬᠡᠮᠵᠢ ᠵᠢᠨ ᠬᠢᠷᠢ ᠬᠡᠮᠵᠢᠶ᠎ᠡ ᠵᠢ ᠲᠠᠰᠤᠷᠠᠯᠳᠠ ᠦᠭᠡᠢ ᠳᠡᠭᠡᠭᠰᠢᠯᠡᠭᠦᠯᠬᠦ᠂ ᠣᠷᠣᠨ ᠪᠦᠰᠡ ᠵᠢᠨ ᠰᠢᠨ᠎ᠡ ᠵᠢ ᠡᠭᠦᠳᠬᠦ ᠰᠢᠰᠲ᠋ᠧᠮᠵᠢ ᠵᠢ ᠪᠦᠷᠢᠨᠰᠢᠭᠦᠯᠬᠦ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ᠎ᠨᠢ ᠣᠷᠣᠨ ᠪᠦᠰᠡ ᠵᠢᠨ ᠬᠥᠭᠵᠢᠯᠲᠡ᠎ᠲᠠᠢ ᠨᠢᠭᠲᠠ ᠤᠶᠠᠯᠳᠤᠬᠤ ᠵᠢ ᠠᠬᠢᠭᠤᠯᠬᠤ᠂ ᠴᠢᠳᠠᠪᠤᠷᠢᠲᠠᠨ᠎ᠢ ᠬᠥᠮᠦᠵᠢᠭᠦᠯᠬᠦ ᠪᠠ ᠤᠶᠤᠨ᠎ᠤ ᠬᠦᠴᠦ ᠤᠷᠤᠭᠤᠯᠬᠤ ᠡᠷᠴᠢᠮ᠎ᠢ ᠴᠢᠩᠭ᠋ᠠᠳᠬᠠᠬᠤ᠂ ᠨᠡᠶ᠋ᠢᠭᠡᠮ᠎ᠤᠨ ᠪᠠᠲᠤᠯᠠᠭ᠎ᠠ᠂ ᠠᠵᠢᠯ ᠣᠯᠭᠣᠯᠲᠠ ᠵᠡᠷᠭᠡ ᠭᠤᠤᠯᠳᠠᠯᠭ᠎ᠠ᠎ᠲᠠᠢ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠦᠨᠡᠨ ᠬᠦ᠌ ᠰᠠᠢ᠌ᠲᠤᠷ ᠰᠢᠢ᠍ᠳᠪᠦᠷᠢᠯᠡᠬᠦ᠂ ᠳᠥᠭᠥᠮ ᠪᠦᠲᠦᠴᠡᠲᠦ ᠣᠷᠣᠨ ᠰᠠᠭᠤᠴᠠᠳᠤ ᠲᠤᠭᠤᠷᠢᠭ᠂ ᠲᠤᠰᠠᠭ᠋ᠠᠷ ᠦᠢ᠍ᠯᠡᠳᠪᠦᠷᠢ ᠠᠭᠤᠷᠬᠠᠶ ᠵᠢᠨ ᠣᠷᠣᠨ᠎ᠢ ᠥᠭᠡᠷᠡᠴᠢᠯᠡᠨ ᠪᠠᠶ᠋ᠢᠭᠤᠯᠬᠤ ᠵᠡᠷᠭᠡ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠦᠬᠦ ᠲᠠᠯ᠎ᠠ᠎ᠪᠠᠷ ᠬᠡᠷᠡᠭᠵᠢᠭᠦᠯᠬᠦ᠂ ᠬᠤᠲᠠ ᠵᠢ ᠰᠢᠨᠡᠴᠢᠯᠡᠨ ᠦᠭᠡᠷᠡᠴᠢᠯᠡᠨ ᠪᠠᠢ᠌ᠭᠤᠯᠬᠤ ᠪᠠ ᠬᠤᠳᠠ ᠬᠥᠳᠡᠭᠡ ᠵᠢᠨ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠠᠳᠠᠯᠢ ᠲᠡᠭᠰᠢ ᠪᠣᠯᠭ᠋ᠠᠬᠤ ᠵᠢ ᠲᠦᠯᠬᠢᠨ ᠠᠬᠢᠭᠤᠯᠬᠤ᠂ ᠡᠬᠢ ᠪᠠᠶᠠᠯᠢᠭ᠎ᠤᠨ ᠬᠡᠯᠪᠡᠷᠢ ᠵᠢᠨ ᠬᠣᠲᠠ ᠵᠢᠨ ᠦᠷᠬᠦᠯᠵᠢᠯᠡᠬᠦᠢ᠌ᠴᠡ ᠬᠥᠭᠵᠢᠯᠲᠡ ᠵᠢ ᠠᠬᠢᠭᠤᠯᠬᠤ᠂ ᠤᠮᠠᠷᠠᠲᠤ ᠵᠢᠨ ᠠᠮᠢ ᠠᠬᠤᠶ ᠵᠢᠨ ᠬᠠᠯᠬᠠᠪᠴᠢ ᠪᠠ ᠬᠥᠬᠡᠮᠳᠦᠭk ᠠᠭᠤᠯᠠ ᠬᠦᠬᠡᠷᠡᠬᠦ ᠤᠰᠤ᠎ᠲᠠᠢ ᠤᠷᠤᠰᠢᠨ ᠰᠠᠭᠤᠬᠤ᠎ᠳᠤ ᠲᠤᠬᠢᠷᠠᠮᠵᠢᠲᠠᠢ ᠭᠡᠷ ᠤᠷᠤᠨ᠎ᠢ ᠪᠠᠢ᠌ᠭᠤᠯᠬᠤ ᠵᠡᠷᠭᠡ ᠨᠡᠶ᠋ᠢᠲᠡ 19 ᠵᠦᠢ᠍ᠯ᠎ᠤᠨ ᠭᠣᠣᠯ ᠡᠭᠦᠷᠭᠡ ᠵᠢ ᠳᠤᠷᠠᠳᠪᠠ᠃
      ᠬᠥᠲᠥᠯᠥᠭᠴᠢ᠄
     《ᠰᠠᠨᠠᠯ᠎ᠤᠳ》᠎ᠢ ᠨᠡᠢ᠌ᠲᠡᠯᠡᠭᠰᠡᠨ᠎ᠨᠢ ᠰᠢᠨ᠎ᠡ ᠨᠢᠭᠡᠨ ᠡᠭᠡᠯᠵᠢ ᠵᠢᠨ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠡᠬᠢᠯᠡᠨ ᠬᠡᠷᠡᠭᠵᠢᠭᠦᠯᠦᠭᠰᠡᠨ᠎ᠢ ᠬᠠᠷᠠᠭᠤᠯᠪᠠ᠃ ᠸᠸᠡ ᠡᠷᠬᠢᠯᠡᠭᠴᠢ ᠡ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠠᠶ᠋ᠢᠮᠠᠭ ᠬᠤᠳᠠ᠎ᠨᠢ ᠤᠯᠤᠰ᠎ᠤᠨ ᠲᠦᠷᠦᠭᠦᠦ ᠨᠢᠭᠡ ᠡᠭᠡᠯᠵᠢ ᠵᠢᠨ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ᠎ᠪᠠᠷ ᠳᠠᠮᠵᠢᠨ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠤᠢ? ᠰᠢᠨ᠎ᠡ ᠨᠢᠭᠡᠨ ᠡᠭᠡᠯᠵᠢ ᠵᠢᠨ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ᠎ᠨᠢ ᠵᠡᠭᠦᠨ ᠬᠡᠰᠡᠭ᠎ᠤᠨ ᠠᠶ᠋ᠢᠮᠠᠭ ᠬᠤᠳᠠ ᠵᠢᠨ ᠬᠥᠭᠵᠢᠯᠲᠡ᠎ᠳᠤ ᠶᠠᠮᠠᠷ ᠶᠠᠮᠠᠷ ᠰᠢᠨ᠎ᠡ ᠠᠵᠠ ᠲᠣᠬᠢᠶᠠᠯ ᠤᠯᠤᠭᠰᠠᠨ ᠪᠤᠢ?
      ᠸᠸᠨ ᠮᠢᠨ᠄
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠵᠡᠭᠦᠨ ᠬᠡᠰᠡᠭ᠎ᠤᠨ ᠠᠶ᠋ᠢᠮᠠᠭ ᠬᠤᠳᠠ ᠵᠢ ᠤᠯᠤᠰ᠎ᠤᠨ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢᠨ ᠬᠡᠷᠡᠭᠵᠢᠭᠦᠯᠬᠦ ᠬᠡᠪᠴᠢᠶ᠎ᠡ᠎ᠳᠤ ᠤᠷᠤᠭᠤᠯᠤᠭᠰᠠᠨ ᠡᠨᠡ ᠬᠦ᠌ ᠴᠢᠬᠤᠯᠠ ᠠᠵᠠ ᠲᠤᠬᠢᠶᠠᠯ᠎ᠢ ᠴᠢᠩᠭ᠎ᠠ ᠠᠳᠬᠤᠵᠤ᠂ ᠤᠯᠤᠰ᠎ᠤᠨ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠵᠡᠭᠦᠨ ᠬᠡᠰᠡᠭ᠎ᠤᠨ ᠠᠶ᠋ᠢᠮᠠᠭ ᠬᠤᠳᠠ ᠵᠢᠨ ᠬᠥᠭᠵᠢᠯᠲᠡ ᠵᠢ ᠲᠦᠷᠭᠡᠳᠬᠡᠨ ᠠᠬᠢᠭᠤᠯᠵᠤ᠂ ᠤᠨᠴᠠᠯᠢᠭᠲᠤ ᠳᠠᠪᠠᠭᠤᠯᠢᠭ ᠠᠵᠤ ᠦᠢ᠍ᠯᠡᠰ᠎ᠢ ᠠᠯᠬᠤᠮ ᠠᠯᠬᠤᠮ ᠵᠶ᠋ᠠᠷ ᠪᠤᠢ ᠪᠤᠯᠭ᠋ᠠᠵᠤ᠂ ᠰᠠᠭᠤᠷᠢ ᠪᠡᠯᠡᠳᠬᠡᠮᠵᠢ ᠵᠢᠨ ᠪᠦᠳᠦᠭᠡᠨ ᠪᠠᠶ᠋ᠢᠭᠤᠯᠤᠯᠲᠠ ᠵᠢ ᠲᠦᠷᠭᠡᠪᠴᠢᠯᠡᠨ ᠠᠬᠢᠭᠤᠯᠵᠤ᠂ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ ᠪᠣᠯᠤᠨ ᠣᠷᠴᠢᠨ ᠠᠬᠤᠶ ᠵᠢᠨ ᠬᠠᠮᠠᠭ᠋ᠠᠯᠠᠯᠲᠠ ᠢᠳᠡᠪᠬᠢ ᠠᠬᠢᠯᠲᠠ᠎ᠲᠠᠢ ᠪᠤᠯᠵᠤ᠂ ᠨᠡᠶ᠋ᠢᠭᠡᠮ ᠠᠷᠠᠳ᠎ᠤᠨ ᠠᠮᠢᠳᠤᠷᠠᠯ᠎ᠤᠨ ᠦᠢ᠍ᠯᠡᠰ ᠤᠯᠠᠮ ᠨᠢᠭᠡ ᠠᠯᠬᠤᠮ ᠬᠦᠭᠵᠢᠵᠦ᠂ ᠠᠵᠤ ᠠᠬᠤᠶ ᠵᠢᠨ ᠶᠡᠷᠦᠩᠬᠡᠶ᠋ᠢᠯᠡᠭᠰᠡᠨ ᠪᠣᠳᠠᠲᠤ ᠬᠦᠴᠦᠨ ᠨᠢᠭᠡᠨ ᠦᠨᠳᠦᠷ ᠳᠡᠭᠲᠡᠷ᠎ᠲᠤ ᠭᠠᠷᠴᠠᠶ᠃ ᠵᠡᠭᠦᠨ ᠬᠡᠰᠡᠭ᠎ᠤᠨ ᠠᠶ᠋ᠢᠮᠠᠭ ᠬᠤᠳᠠ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠳᠡᠭ 2007 ᠣᠨ᠎ᠳᠤ 2114.02 ᠳ᠋ᠦᠩᠰᠢᠭᠤᠷ ᠲᠥᠭᠥᠷᠢᠭ ᠪᠠᠶ᠋ᠢᠭᠰᠠᠨ᠎ᠠᠴᠠ᠎ᠪᠠᠨ 2015 ᠣᠨ ᠪᠤᠯᠬᠤ᠎ᠳᠤ 6839.41 ᠳ᠋ᠦᠩᠰᠢᠭᠤᠷ ᠲᠥᠭᠥᠷᠢᠭ ᠪᠤᠯᠤᠨ ᠨᠡᠮᠡᠭᠳᠡᠵᠦ᠂ ᠵᠢᠯ ᠪᠦᠷᠢ ᠳᠤᠮᠳᠠᠴᠢ᠎ᠪᠠᠷ 12.9 %᠎ᠪᠠᠷ ᠨᠡᠮᠡᠭᠳᠡᠪᠡ; ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠲᠤᠰ ᠲᠤᠰ 2007 ᠣᠨ᠎ᠳᠤ 10010 ᠲᠥᠭᠥᠷᠢᠭ᠂ 3799 ᠲᠥᠭᠥᠷᠢᠭ ᠪᠠᠢ᠌ᠭᠰᠠᠨ᠎ᠠᠴᠠ᠎ᠪᠠᠨ 2015 ᠣᠨ ᠪᠤᠯᠬᠤ᠎ᠳᠤ 26042 ᠲᠥᠭᠥᠷᠢᠭ᠂ 10263 ᠲᠥᠭᠥᠷᠢᠭ ᠪᠤᠯᠵᠤ ᠨᠡᠮᠡᠭᠳᠡᠪᠡ᠃ ᠮᠠᠨ᠎ᠤ ᠤᠷᠤᠨ ᠪᠠᠰᠠ ᠰᠠᠨᠠᠭ᠋ᠠᠴᠢᠯᠠᠭ᠎ᠠ᠎ᠠᠴᠠ᠎ᠪᠠᠨ ᠵᠡᠭᠦᠨ ᠬᠣᠶ᠋ᠢᠲᠤ ᠵᠢᠨ ᠭᠤᠷᠪᠠᠨ ᠮᠤᠵᠢ᠎ᠲᠠᠢ ᠣᠷᠣᠨ ᠪᠦᠰᠡ ᠵᠢᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠵᠡᠭᠦᠨ ᠬᠣᠶ᠋ᠢᠲᠤ ᠣᠷᠣᠨ᠎ᠤ ᠬᠠᠭᠤᠴᠢᠨ ᠠᠵᠤ ᠦᠢ᠍ᠯᠡᠳᠪᠦᠷᠢ ᠵᠢᠨ ᠰᠠᠭᠤᠷᠢᠨ ᠭᠠᠵᠠᠷ᠎ᠢ ᠬᠥᠭᠵᠢᠭᠦᠯᠦᠨ ᠮᠠᠨᠳᠤᠭᠤᠯᠬᠤ᠎ᠳᠤ ᠴᠢᠬᠤᠯᠠ ᠲᠦᠰᠢᠭ ᠲᠤᠯᠭ᠋ᠠᠭᠤᠷᠢ ᠪᠤᠯᠵᠤ ᠦᠭᠭᠦᠭᠰᠡᠨ ᠪᠠᠢ᠌ᠨ᠎ᠠ᠃ ᠡᠨᠡ ᠦᠶ᠎ᠡ ᠪᠣᠯ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠤᠷᠤᠨ᠎ᠤ ᠬᠥᠭᠵᠢᠯᠲᠡ᠎ᠪᠠᠷ ᠬᠠᠮᠤᠭ᠎ᠤᠨ ᠲᠦᠷᠭᠡᠨ ᠬᠠᠮᠤᠭ᠎ᠤᠨ ᠰᠠᠢ᠍ᠢ᠍ᠨ ᠴᠠᠭ ᠦᠶ᠎ᠡ ᠵᠢᠨ ᠨᠢᠭᠡ ᠪᠤᠯᠵᠤ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠪᠣᠯ ᠪᠦᠷᠢᠮᠦᠰᠦᠨ ᠵᠥᠪ᠂ ᠪᠦᠲᠦᠮᠵᠢ᠎ᠲᠠᠢ ᠶᠤᠮ ᠭᠡᠰᠡᠨ᠎ᠢ ᠭᠦᠢ᠍ᠴᠡᠳ ᠭᠡᠷᠡᠴᠢᠯᠡᠭᠰᠡᠨ ᠪᠠᠢ᠌ᠨ᠎ᠠ᠃
     《ᠰᠠᠨᠠᠯ᠎ᠤᠳ》᠎ᠤᠨ ᠨᠡᠶ᠋ᠢᠲᠡᠯᠡᠨ ᠬᠡᠷᠡᠭᠵᠢᠭᠦᠯᠦᠭᠳᠡᠭᠰᠡᠨ᠎ᠨᠢ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠵᠢᠨ ᠰᠢᠨ᠎ᠡ ᠠᠶᠠᠨ ᠵᠠᠮ᠎ᠢ ᠡᠬᠢᠯᠡᠭᠦᠯᠵᠦ᠂ ᠮᠠᠨ᠎ᠤ ᠣᠷᠣᠨ᠎ᠤ ᠠᠵᠤ ᠠᠬᠤᠶ ᠵᠢᠨ ᠰᠢᠨ᠎ᠡ ᠬᠡᠪ ᠪᠠᠶ᠋ᠢᠳᠠᠯ ᠳᠣᠣᠷ᠎ᠠ ᠪᠦᠬᠦ ᠲᠠᠯ᠎ᠠ ᠵᠢᠨ ᠬᠥᠭᠵᠢᠯᠲᠡ ᠵᠢ ᠪᠡᠶᠡᠯᠡᠭᠦᠯᠬᠦ᠎ᠳᠤ ᠨᠢᠭᠡ ᠤᠳᠠᠭ᠋ᠠᠨ᠎ᠤ ᠴᠢᠬᠤᠯᠠ ᠶᠡᠬᠡ ᠰᠢᠨ᠎ᠡ ᠠᠵᠠ ᠲᠣᠬᠢᠶᠠᠯ᠎ᠢ ᠣᠯᠭᠣᠭᠰᠠᠨ ᠪᠠᠶ᠋ᠢᠨ᠎ᠠ᠃ ᠵᠢᠱ᠌ᠢᠶᠡᠯᠡᠪᠡᠯ᠄ ᠠᠵᠤ ᠦᠢ᠍ᠯᠡᠰ᠎ᠤᠨ ᠬᠥᠭᠵᠢᠯᠲᠡ ᠵᠢᠨ ᠲᠠᠯ᠎ᠠ᠎ᠪᠠᠷ᠂ 《ᠰᠠᠨᠠᠯ᠎ᠤᠳ》᠎ᠲᠤ 《ᠴᠡᠪᠡᠷ ᠡᠨᠧᠷᠭᠢ ᠵᠢ ᠡᠮᠬᠢ ᠵᠢᠷᠤᠮ᠎ᠲᠠᠢ᠎ᠪᠠᠷ ᠬᠥᠭᠵᠢᠭᠦᠯᠦᠨ᠂ ᠥᠩᠭᠡᠲᠦ ᠲᠡᠮᠦᠷᠯᠢᠭ᠂ ᠬᠢᠮᠢ ᠵᠢᠨ ᠠᠵᠤ ᠦᠢ᠍ᠯᠡᠳᠪᠦᠷᠢ ᠵᠡᠷᠭᠡ ᠠᠵᠢᠯ ᠲᠦᠷᠦᠯ᠎ᠢ ᠪᠣᠬᠢᠷᠲᠤᠯ ᠦᠭᠡᠢ ᠰᠠᠢ᠌ᠵᠢᠷᠠᠭᠤᠯᠤᠨ ᠲᠡᠰ ᠳᠡᠪᠰᠢᠭᠦᠯᠬᠦ ᠵᠢ ᠲᠥᠯᠬᠢᠨ ᠠᠬᠢᠭᠤᠯᠵᠤ᠂ ᠲᠡᠷᠢᠭᠦᠨ᠎ᠤ ᠲᠣᠨᠣᠭᠯᠠᠯ ᠦᠢ᠍ᠯᠡᠳᠬᠦ ᠦᠢ᠍ᠯᠡᠰ᠎ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠤᠳᠤ ᠦᠶ᠎ᠡ ᠵᠢᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠣᠯᠪᠠᠰᠤᠷᠠᠭᠤᠯᠬᠤ ᠦᠢ᠍ᠯᠡᠰ᠎ᠢ ᠬᠥᠭᠵᠢᠭᠦᠯᠵᠦ᠂ ᠮᠥᠰᠥ ᠴᠠᠰᠤ᠂ ᠤᠢ ᠰᠢᠭᠤᠶ᠂ ᠨᠤᠲᠤᠭ ᠪᠡᠯᠴᠢᠭᠡᠷ᠂ ᠬᠢᠯᠢ ᠬᠢᠵᠠᠭ᠋ᠠᠷ᠂ ᠵᠠᠩ ᠦᠢ᠍ᠯᠡ ᠵᠡᠷᠭᠡ ᠳᠠᠪᠠᠭᠤᠯᠢᠭ᠎ᠢ ᠢᠳᠡᠪᠬᠢᠲᠡᠶ ᠪᠠᠳᠠᠷᠠᠭᠤᠯᠤᠨ᠂ ᠵᠢᠭᠤᠯᠴᠢᠯᠠᠯ᠂ ᠰᠡᠯᠡᠭᠦᠴᠡᠯ ᠵᠡᠷᠭᠡ ᠠᠵᠤ ᠦᠢ᠍ᠯᠡᠰ᠎ᠢ ᠲᠦᠷᠭᠡᠳᠬᠡᠨ ᠬᠥᠭᠵᠢᠭᠦᠯᠬᠦ》 ᠵᠢ ᠳᠤᠷᠠᠳᠪᠠ᠂ ᠡᠨᠡ᠎ᠨᠢ ᠵᠡᠭᠦᠨ ᠬᠡᠰᠡᠭ᠎ᠤᠨ ᠠᠶ᠋ᠢᠮᠠᠭ ᠬᠤᠳᠠ ᠵᠢᠨ 《ᠲᠠᠪᠤᠨ ᠶᠡᠬᠡ ᠰᠠᠭᠤᠷᠢᠨ ᠭᠠᠵᠠᠷ》᠎ᠤᠨ ᠪᠥᠳᠥᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠲᠦᠷᠭᠡᠳᠬᠡᠬᠦ ᠪᠣᠯᠣᠨ᠎ᠠ᠂ ᠠᠮᠢ ᠠᠬᠤᠶ ᠵᠢᠨ ᠪᠦᠳᠦᠭᠡᠨ ᠪᠠᠶ᠋ᠢᠭᠤᠯᠤᠯᠲᠠ ᠵᠢᠨ ᠲᠠᠯ᠎ᠠ᠎ᠪᠠᠷ᠂ 《ᠰᠠᠨᠠᠯ᠎ᠤᠳ》᠎ᠲᠤ 《ᠬᠥᠯᠥᠨ ᠪᠤᠢ᠍ᠢ᠍ᠷ ᠰᠢᠯᠢ ᠵᠢᠨ ᠭᠣᠣᠯ ᠵᠡᠷᠭᠡ ᠭᠣᠣᠯᠳᠠᠯᠭ᠎ᠠ᠎ᠲᠠᠢ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢ ᠠᠬᠢᠭᠤᠯᠵᠤ᠂ ᠬᠥᠯᠥᠨ ᠨᠠᠭᠤᠷ᠎ᠤᠨ ᠰᠠᠪᠠ ᠭᠠᠵᠠᠷ᠎ᠤᠨ ᠠᠮᠢ ᠠᠬᠤᠶ ᠪᠠ ᠣᠷᠴᠢᠨ ᠲᠣᠭᠣᠷᠢᠨ᠎ᠢ ᠶᠡᠷᠦᠩᠬᠡᠶ᠋ᠢᠯᠡᠨ ᠵᠠᠰᠠᠬᠤ ᠢᠨᠵᠧᠨᠧᠷᠢᠩ᠎ᠢ ᠥᠷᠨᠢᠭᠦᠯᠬᠦ᠎ᠳᠤ ᠳᠡᠮᠵᠢᠯᠭᠡ ᠦᠵᠡᠭᠦᠯᠬᠦ》 ᠵᠢ ᠳᠤᠷᠠᠳᠪᠠ᠂ ᠡᠨᠡ᠎ᠨᠢ ᠵᠡᠭᠦᠨ ᠬᠡᠰᠡᠭ᠎ᠤᠨ ᠠᠶ᠋ᠢᠮᠠᠭ ᠬᠤᠳᠠ ᠵᠢᠨ ᠭᠣᠣᠯᠳᠠᠯᠭ᠎ᠠ᠎ᠲᠠᠢ ᠠᠮᠢ ᠠᠬᠤᠶ ᠵᠢᠨ ᠣᠷᠣᠨ᠎ᠢ ᠪᠦᠲᠦᠭᠡᠨ ᠪᠠᠢ᠌ᠭᠤᠯᠬᠤ ᠪᠠ ᠬᠠᠮᠠᠭ᠋ᠠᠯᠠᠬᠤ ᠵᠢ ᠪᠦᠲᠦᠮᠵᠢᠲᠡᠶ ᠠᠬᠢᠭᠤᠯᠬᠤ ᠪᠣᠯᠣᠨ᠎ᠠ; ᠭᠠᠳᠠᠭ᠋ᠠᠳᠤ ᠨᠡᠭᠡᠭᠡᠯᠲᠡ ᠵᠢᠨ ᠲᠠᠯ᠎ᠠ᠎ᠪᠠᠷ᠂ 《ᠰᠠᠨᠠᠯ᠎ᠤᠳ》᠎ᠲᠤ 《ᠳᠤᠮᠳᠠᠳᠤ ᠮᠣᠩᠭᠣᠯ ᠣᠷᠣᠰ᠎ᠤᠨ ᠠᠵᠤ ᠠᠬᠤᠶ ᠵᠢᠨ ᠬᠣᠩᠭᠢᠯ ᠪᠠ ᠬᠢᠯᠢ ᠳᠠᠭ᠋ᠠᠤ ᠵᠢᠨ ᠭᠣᠣᠯᠳᠠᠯᠭ᠎ᠠ᠎ᠲᠠᠢ ᠨᠡᠭᠡᠭᠡᠨ ᠬᠥᠭᠵᠢᠭᠦᠯᠵᠦ ᠨᠡᠭᠡᠭᠡᠯᠳᠡ ᠬᠢᠬᠦ ᠲᠤᠷᠰᠢᠯᠲᠠ ᠵᠢᠨ ᠣᠷᠣᠨ᠎ᠤ ᠪᠠᠶ᠋ᠢᠭᠤᠯᠤᠯᠲᠠ ᠵᠢ ᠲᠦᠯᠬᠢᠨ ᠠᠬᠢᠭᠤᠯᠬᠤ》 ᠵᠢ ᠳᠤᠷᠠᠳᠪᠠ᠂ ᠡ᠊ᠨᠡ᠎ᠨᠢ ᠮᠠᠨ᠎ᠤ ᠣᠷᠣᠨ᠎ᠤ ᠣᠷᠣᠰ᠂ ᠮᠣᠩᠭᠣᠯ᠎ᠳᠤ ᠨᠡᠭᠡᠭᠡᠯᠳᠡ ᠬᠢᠬᠦ ᠲᠠᠯ᠎ᠠ᠎ᠪᠠᠷ ᠬᠠᠮᠲᠤᠷᠠᠨ ᠠᠵᠢᠯᠯᠠᠬᠤ ᠳᠤᠮᠳᠠᠬᠢ ᠳᠠᠪᠠᠭᠤᠯᠢᠭ᠎ᠢ ᠨᠡᠩ ᠰᠠᠢ᠍ᠢ᠍ᠨ ᠪᠠᠳᠠᠷᠠᠭᠤᠯᠵᠤ᠂ ᠮᠠᠨᠵᠤᠤᠷ᠂ ᠡᠷᠢᠶᠡᠨ ᠬᠤᠳᠠ ᠵᠢᠨ ᠭᠣᠣᠯᠳᠠᠯᠭ᠎ᠠ᠎ᠲᠠᠢ ᠨᠡᠭᠡᠭᠡᠨ ᠬᠥᠭᠵᠢᠭᠦᠯᠵᠦ ᠨᠡᠭᠡᠭᠡᠯᠳᠡ ᠬᠢᠬᠦ ᠲᠤᠷᠰᠢᠯᠲᠠ ᠵᠢᠨ ᠣᠷᠣᠨ ᠪᠣᠯᠤᠨ ᠬᠥᠯᠥᠨ ᠪᠤᠢ᠍ᠢ᠍ᠷ᠎ᠤᠨ ᠳᠤᠮᠳᠠᠳᠤ ᠤᠷᠤᠰ ᠮᠣᠩᠭᠣᠯ᠎ᠤᠨ ᠬᠠᠮᠲᠤᠷᠠᠯᠴᠠᠭ᠎ᠠ ᠵᠢᠨ ᠬᠣᠰᠢᠭᠤᠴᠢ ᠣᠷᠣᠨ ᠵᠡᠷᠭᠡ ᠨᠡᠭᠡᠭᠡᠯᠲᠡ ᠵᠢᠨ ᠲᠠᠪᠴᠠᠩ᠎ᠤᠨ ᠪᠠᠶ᠋ᠢᠭᠤᠯᠤᠯᠲᠠ ᠵᠢ ᠠᠬᠢᠭᠤᠯᠬᠤ᠎ᠳᠤ ᠢᠳᠡᠪᠬᠢᠲᠡᠶ ᠦᠢ᠍ᠯᠡᠳᠦᠯ ᠦᠵᠡᠭᠦᠯᠬᠦ ᠪᠣᠯᠣᠨ᠎ᠠ; ᠪᠡᠯᠡ ᠣᠷᠣᠭᠤᠯᠤᠯᠲᠠ ᠵᠢᠨ ᠲᠠᠯ᠎ᠠ᠎ᠪᠠᠷ᠂ 《ᠰᠠᠨᠠᠯ᠎ᠤᠳ》᠎ᠲᠤ 《ᠡᠬᠢ ᠪᠠᠶᠠᠯᠢᠭ᠎ᠨᠢ ᠬᠣᠮᠣᠰᠲᠠᠭᠰᠠᠨ ᠭᠠᠵᠠᠷ ᠣᠷᠣᠨ ᠪᠣᠯᠤᠨ ᠬᠤᠲᠠ ᠵᠢᠨ ᠲᠣᠭᠣᠷᠢᠭ᠎ᠤᠨ ᠠᠵᠤ ᠦᠢ᠍ᠯᠡᠳᠪᠦᠷᠢ ᠵᠢᠨ ᠬᠠᠭᠤᠴᠢᠨ ᠲᠣᠭᠣᠷᠢᠭ᠂ ᠪᠡᠶ᠎ᠡ᠎ᠪᠠᠨ ᠳᠠᠭ᠋ᠠᠭ᠋ᠠᠭᠰᠠᠨ ᠦᠢ᠍ᠯᠡᠳᠪᠦᠷᠢ ᠠᠭᠤᠷᠬᠠᠶ ᠵᠢᠨ ᠣᠷᠣᠨ ᠵᠡᠷᠭᠡ ᠬᠦᠴᠢᠷᠳᠡᠯᠲᠡᠶ ᠭᠠᠵᠠᠷ ᠣᠷᠣᠨ᠎ᠳᠤ ᠲᠥᠪ᠎ᠤᠨ ᠪᠡᠯᠡ ᠣᠷᠣᠭᠤᠯᠤᠯᠲᠠ ᠵᠢ ᠨᠡᠮᠡᠭᠳᠡᠭᠦᠯᠦᠨ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠬᠤ》 ᠵᠢ ᠳᠤᠷᠠᠳᠪᠠ᠃ ᠣᠳᠣᠬᠠᠨ᠎ᠳᠤ᠂ ᠮᠠᠨ᠎ᠤ ᠣᠷᠣᠨ᠎ᠤ ᠷᠠᠰᠢᠶᠠᠨ ᠬᠤᠳᠠ ᠵᠡᠷᠭᠡ 8 ᠣᠷᠣᠨ᠎ᠢ ᠨᠢᠭᠡᠨᠲᠡ ᠤᠯᠤᠰ᠎ᠤᠨ ᠡᠬᠢ ᠪᠠᠶᠠᠯᠢᠭ ᠬᠣᠮᠣᠰᠲᠠᠭᠰᠠᠨ ᠬᠤᠳᠠ ᠵᠢᠨ ᠰᠢᠯᠵᠢᠭᠦᠯᠦᠨ ᠥᠭᠬᠦ ᠳᠡᠮᠵᠢᠯᠭᠡ ᠦᠵᠡᠭᠦᠯᠬᠦ ᠬᠦᠷᠢᠶ᠎ᠡ ᠬᠡᠪᠴᠢᠶ᠎ᠡ᠎ᠳᠤ ᠣᠷᠣᠭᠤᠯᠵᠤ᠂ ᠤᠯᠠᠭ᠋ᠠᠨᠬᠠᠳᠠ ᠬᠣᠲᠠ ᠵᠢᠨ ᠵᠣᠣ ᠤᠳᠠ ᠵᠡᠷᠭᠡ 3 ᠬᠤᠲᠠ ᠲᠣᠭᠣᠷᠢᠭ᠎ᠤᠨ ᠠᠵᠤ ᠦᠢ᠍ᠯᠡᠳᠪᠦᠷᠢ ᠵᠢᠨ ᠬᠠᠭᠤᠴᠢᠨ ᠲᠣᠭᠣᠷᠢᠭ ᠪᠣᠯᠤᠨ ᠮᠠᠨᠵᠤᠤᠷ᠎ᠤᠨ ᠵᠠᠯᠠᠢ᠌ᠨᠠᠭᠤᠷ ᠵᠡᠷᠭᠡ 6 ᠪᠡᠶ᠎ᠡ᠎ᠪᠠᠨ ᠳᠠᠭ᠋ᠠᠭ᠋ᠠᠭᠰᠠᠨ ᠦᠢ᠍ᠯᠡᠳᠪᠦᠷᠢ ᠠᠭᠤᠷᠬᠠᠶ ᠵᠢᠨ ᠣᠷᠣᠨ᠎ᠢ ᠲᠥᠪ᠎ᠤᠨ ᠲᠥᠰᠦᠪ᠎ᠤᠨ ᠳᠣᠲᠣᠷᠠᠬᠢ ᠬᠤᠲᠠ ᠵᠢᠨ ᠲᠣᠭᠣᠷᠢᠭ᠎ᠤᠨ ᠠᠵᠤ ᠦᠢ᠍ᠯᠡᠳᠪᠦᠷᠢ ᠵᠢᠨ ᠬᠠᠭᠤᠴᠢᠨ ᠲᠣᠭᠣᠷᠢᠭ ᠪᠠ ᠪᠡᠶ᠎ᠡ᠎ᠪᠠᠨ ᠳᠠᠭ᠋ᠠᠭ᠋ᠠᠭᠰᠠᠨ ᠦᠢ᠍ᠯᠡᠳᠪᠦᠷᠢ ᠠᠭᠤᠷᠬᠠᠶ ᠵᠢᠨ ᠣᠷᠣᠨ᠎ᠤ ᠨᠡᠭᠦᠯᠭᠡᠨ ᠥᠭᠡᠷᠡᠴᠢᠯᠡᠬᠦ   ᠳᠡᠮᠵᠢᠯᠭᠡ ᠵᠢᠨ ᠬᠦᠷᠢᠶ᠎ᠡ ᠬᠡᠪᠴᠢᠶᠡᠨ᠎ᠳᠤ ᠣᠷᠣᠭᠤᠯᠵᠤ᠂ ᠳᠠᠷᠠᠭ᠋ᠠᠴᠢ ᠵᠢᠨ ᠠᠯᠬᠤᠮ᠎ᠳᠤ ᠳᠡᠭᠡᠷ᠎ᠡ ᠳᠤᠷᠠᠳᠤᠭᠰᠠᠨ ᠭᠠᠵᠠᠷ ᠣᠷᠣᠨ᠎ᠳᠤ ᠪᠡᠯᠡ ᠮᠥᠩᠭᠥ ᠵᠢᠨ ᠳᠡᠮᠵᠢᠯᠭᠡ ᠦᠵᠡᠭᠦᠯᠬᠦ᠎ᠪᠠᠨ ᠤᠯᠤᠰ᠎ᠠᠴᠠ ᠤᠯᠠᠮ ᠨᠢᠭᠡ ᠠᠯᠬᠤᠮ ᠨᠡᠮᠡᠭᠳᠡᠭᠦᠯᠦᠨ᠎ᠡ; ᠡᠳ᠋᠎ᠤᠨ ᠵᠠᠰᠠᠭ᠎ᠤᠨ ᠲᠠᠯ᠎ᠠ᠎ᠪᠠᠷ᠂ 《ᠰᠠᠨᠠᠯ᠎ᠤᠳ》᠎ᠲᠤ 《ᠲᠥᠪ᠎ᠤᠨ ᠡᠳ᠋᠎ᠤᠨ ᠵᠠᠰᠠᠭ᠎ᠠᠴᠠ ᠵᠡᠭᠦᠨ ᠬᠣᠶ᠋ᠢᠲᠤ ᠣᠷᠣᠨ᠎ᠳᠤ ᠡᠩ᠎ᠤᠨ ᠴᠢᠨᠠᠷᠲᠠᠶ ᠰᠢᠯᠵᠢᠭᠦᠯᠦᠨ ᠥᠭᠬᠦ ᠪᠠ ᠨᠡᠶ᠋ᠢᠭᠡᠮ᠎ᠤᠨ ᠪᠠᠲᠤᠯᠠᠭ᠎ᠠ᠂ ᠰᠤᠷᠭ᠋ᠠᠨ ᠬᠥᠮᠦᠵᠢᠯ᠂ ᠠᠵᠢᠯ ᠣᠯᠭᠣᠯᠲᠠ᠂ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠡᠷᠭᠡ ᠬᠦᠷᠢᠶ᠎ᠡ ᠬᠡᠪᠴᠢᠶᠡᠨ᠎ᠳᠠᠬᠢ ᠳᠡᠮᠵᠢᠬᠦ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠬᠤ ᠬᠡᠷᠡᠭᠲᠡᠢ》 ᠭᠡᠵᠦ ᠳᠤᠷᠠᠳᠪᠠ᠂ ᠡ᠊ᠨᠡ᠎ᠨᠢ ᠵᠡᠭᠦᠨ ᠬᠡᠰᠡᠭ᠎ᠤᠨ ᠠᠶ᠋ᠢᠮᠠᠭ ᠬᠤᠳᠠ ᠵᠢᠨ ᠳᠤᠲᠠᠮᠠᠭ ᠲᠠᠯ᠎ᠠ᠎ᠪᠠᠨ ᠨᠥᠬᠥᠪᠦᠷᠢᠯᠡᠵᠦ᠂ ᠨᠡᠶ᠋ᠢᠭᠡᠮ᠎ᠤᠨ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠎ᠳᠤ ᠢᠳᠡᠪᠬᠢᠲᠡᠶ ᠠᠬᠢᠭᠤᠯᠬᠤ ᠦᠢ᠍ᠯᠡᠳᠦᠯ ᠦᠵᠡᠭᠦᠯᠬᠦ ᠪᠣᠯᠣᠨ᠎ᠠ; ᠴᠢᠬᠤᠯᠠ ᠶᠡᠬᠡ ᠲᠥᠷᠥᠯ ᠵᠦᠢ᠍ᠯ᠎ᠤᠨ ᠲᠠᠯ᠎ᠠ᠎ᠪᠠᠷ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ 《ᠰᠠᠨᠠᠯ᠎ᠤᠳ》᠎ᠢ ᠨᠠᠢ᠌ᠳᠠᠪᠤᠷᠢᠵᠢᠭᠤᠯᠬᠤ ᠲᠣᠭᠣᠷᠢᠨ᠎ᠳᠤ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠬᠡ ᠲᠥᠷᠥᠯ ᠵᠦᠢ᠍ᠯ᠎ᠤᠨ ᠭᠤᠷᠪᠠᠨ ᠵᠢᠯ ᠥᠩᠬᠡᠷᠡᠭᠦᠯᠦᠨ ᠬᠡᠷᠡᠭᠯᠡᠬᠦ ᠲᠥᠯᠥᠪᠯᠡᠭᠡ ᠵᠢ   ᠶᠠᠭ ᠲᠣᠭᠲᠠᠭ᠋ᠠᠵᠤ ᠪᠤᠢ᠂ ᠮᠠᠨ᠎ᠤ ᠵᠥᠪᠯᠡᠯ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠲᠠᠢ ᠢᠳᠡᠪᠬᠢᠲᠡᠢ   ᠵᠣᠯᠭ᠋ᠠᠯᠳᠤᠵᠤ ᠵᠡᠭᠦᠨ ᠬᠡᠰᠡᠭ᠎ᠤᠨ ᠠᠶ᠋ᠢᠮᠠᠭ ᠬᠤᠳᠠ ᠵᠢᠨ ᠪᠦᠬᠦ ᠲᠠᠯ᠎ᠠ ᠵᠢᠨ ᠬᠥᠭᠵᠢᠯᠲᠡ᠎ᠳᠤ ᠲᠤᠢ᠌ᠯ᠎ᠤᠨ ᠴᠢᠬᠤᠯᠠ ᠪᠦᠭᠡᠳ ᠤᠢ᠍ᠢ᠍ᠷ᠎ᠠ ᠵᠢᠨ ᠭᠤᠷᠪᠠᠨ ᠵᠢᠯ᠎ᠳᠤ ᠪᠡᠶᠡᠯᠡᠭᠦᠯᠵᠦ ᠴᠢᠳᠠᠬᠤ ᠴᠢᠬᠤᠯᠠ ᠶᠡᠬᠡ ᠲᠥᠷᠥᠯ ᠵᠦᠢ᠍ᠯ᠎ᠢ ᠤᠯᠤᠰ᠎ᠤᠨ ᠭᠤᠷᠪᠠᠨ ᠵᠢᠯ ᠥᠩᠬᠡᠷᠡᠭᠦᠯᠦᠨ ᠬᠡᠷᠡᠭᠯᠡᠬᠦ ᠲᠥᠯᠥᠪᠯᠡᠭᠡ᠎ᠳᠤ ᠣᠷᠣᠭᠤᠯᠬᠤ᠎ᠪᠠᠷ ᠴᠢᠷᠮᠠᠢ᠌ᠵᠤ᠂ ᠤᠯᠤᠰ᠎ᠠᠴᠠ ᠵᠡᠭᠦᠨ ᠬᠡᠰᠡᠭ᠎ᠤᠨ ᠠᠶ᠋ᠢᠮᠠᠭ ᠬᠤᠳᠠ ᠵᠢᠨ ᠴᠢᠬᠤᠯᠠ ᠶᠡᠬᠡ ᠲᠥᠷᠥᠯ ᠵᠦᠢ᠍ᠯ᠎ᠳᠤ ᠳᠡᠮᠵᠢᠯᠭᠡ ᠦᠵᠡᠭᠦᠯᠬᠦ ᠵᠢ ᠲᠡᠮᠡᠴᠡᠨ ᠣᠯᠬᠤ᠎ᠪᠠᠷ ᠴᠢᠷᠮᠠᠢ᠌ᠨ᠎ᠠ᠃
      ᠬᠥᠲᠥᠯᠥᠭᠴᠢ᠄
     《ᠰᠠᠨᠠᠯ᠎ᠤᠳ》᠎ᠤᠨ ᠨᠡᠢ᠌ᠲᠡᠯᠡᠭᠳᠡᠭᠰᠡᠨ᠎ᠨᠢ᠂ ᠵᠡᠭᠦᠨ ᠬᠡᠰᠡᠭ᠎ᠤᠨ ᠠᠶ᠋ᠢᠮᠠᠭ ᠬᠤᠳᠠ ᠵᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠨᠢᠭᠡ ᠤᠳᠠᠭ᠎ᠠ ᠵᠢᠨ ᠴᠢᠬᠤᠯᠠ ᠠᠵᠠ ᠲᠣᠬᠢᠶᠠᠯ ᠣᠯᠭᠣᠪᠠ᠃ ᠥᠪᠡᠷᠲᠡᠭᠡᠨ ᠵᠠᠰᠠᠬᠤ ᠣᠷᠣᠨ 《ᠰᠠᠨᠠᠯ᠎ᠤᠳ》᠎ᠢ ᠨᠠᠶ᠋ᠢᠳᠠᠪᠤᠷᠢᠵᠢᠭᠤᠯᠬᠤ ᠲᠣᠭᠣᠷᠢᠨ᠎ᠳᠤ ᠶᠠᠮᠠᠷ ᠶᠠᠮᠠᠷ ᠪᠣᠳᠠᠲᠠᠶ ᠠᠵᠢᠯ᠎ᠢ ᠥᠷᠨᠢᠭᠦᠯᠵᠦ ᠪᠠᠢ᠌ᠬᠤ ᠪᠤᠢ? ᠳᠠᠷᠠᠭ᠋ᠠᠴᠢ ᠵᠢᠨ ᠠᠯᠬᠤᠮ᠎ᠳᠤ ᠠᠯᠢ ᠠᠯᠢ ᠲᠠᠯ᠎ᠠ᠎ᠪᠠᠷ ᠭᠣᠣᠯᠳᠠᠯᠭ᠎ᠠ᠎ᠲᠠᠢ ᠨᠠᠢ᠌ᠳᠠᠪᠤᠷᠢᠵᠢᠭᠤᠯᠤᠨ ᠠᠬᠢᠭᠤᠯᠬᠤ ᠪᠤᠢ?
      ᠸᠸᠨ ᠮᠢᠩ᠄
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ 《ᠰᠠᠨᠠᠯ᠎ᠤᠳ》 ᠎ᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠥᠪᠡᠷᠲᠡᠭᠡᠨ ᠵᠠᠰᠠᠬᠤ ᠣᠷᠣᠨ᠎ᠤ ᠭᠣᠣᠯ ᠤᠳᠤᠷᠢᠳᠤᠯᠭ᠎ᠠ 《ᠰᠠᠨᠠᠯ᠎ᠤᠳ》᠎ᠤᠨ ᠵᠣᠷᠢᠭ ᠰᠠᠨᠠᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠲᠣᠬᠠᠢ ᠴᠢᠬᠤᠯᠠ ᠴᠣᠬᠣᠯᠠᠪᠤᠷᠢ ᠥᠭᠪᠡ᠃ ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ 《ᠰᠠᠨᠠᠯ᠎ᠤᠳ》᠎ᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ ᠪᠣᠯᠣᠨ ᠭᠣᠣᠯᠳᠠᠯᠭ᠎ᠠ᠎ᠲᠠᠢ ᠡᠭᠦᠷᠭᠡ ᠪᠦᠬᠦᠢ ᠰᠠᠯᠠᠭ᠎ᠠ ᠮᠦᠴᠢᠷ ᠵᠢ ᠠᠵᠢᠯ᠎ᠤᠨ ᠬᠤᠪᠢᠶᠠᠷᠢᠯᠠᠯ᠎ᠤᠨ ᠲᠥᠰᠦᠯ᠎ᠢ ᠶᠠᠭ ᠱᠠᠯᠠᠪᠳᠠᠨ ᠰᠤᠳᠤᠯᠤᠨ ᠲᠣᠭᠲᠠᠭ᠋ᠠᠵᠤ ᠪᠠᠢ᠌ᠨ᠎ᠠ᠃
     《ᠰᠠᠨᠠᠯ᠎ᠤᠳ》᠎ᠢ ᠰᠠᠶ᠋ᠢᠲᠤᠷ ᠲᠤᠤᠱᠯᠠᠭᠤᠯᠤᠨ ᠨᠠᠢ᠌ᠳᠠᠪᠤᠷᠢᠵᠢᠭᠤᠯᠬᠤ ᠪᠣᠯ ᠤᠯᠤᠰ ᠲᠦᠷᠦ ᠵᠢᠨ ᠴᠢᠬᠤᠯᠠ ᠡᠭᠦᠷᠭᠡ ᠮᠥᠨ᠂ ᠪᠠᠰᠠ ᠴᠤ᠌ ᠬᠥᠭᠵᠢᠯᠲᠡ ᠵᠢᠨ ᠴᠢᠬᠤᠯᠠ ᠶᠡᠬᠡ ᠠᠵᠠ ᠲᠣᠬᠢᠶᠠᠯ ᠪᠣᠯᠣᠨ᠎ᠠ᠃ ᠳᠠᠷᠠᠭ᠋ᠠᠴᠢ ᠵᠢᠨ ᠠᠯᠬᠤᠮ᠎ᠳᠤ᠂ ᠮᠠᠨ᠎ᠤ ᠣᠷᠣᠨ ᠲᠤᠰ ᠪᠡᠶ᠎ᠡ ᠵᠢᠨ ᠵᠶ᠋ᠡᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠵᠤ᠂ ᠣᠷᠣᠨ ᠪᠠᠢ᠌ᠷᠢ᠎ᠪᠠᠨ ᠣᠨᠣᠪᠴᠢᠲᠠᠶ ᠡᠷᠢᠨ᠂ ᠰᠠᠨᠠᠭ᠋ᠠᠴᠢᠯᠠᠭ᠎ᠠ᠎ᠲᠠᠢ᠎ᠪᠠᠷ ᠠᠵᠢᠯᠯᠠᠵᠤ᠂ 《  ᠰᠠᠨᠠᠯ᠎ᠤᠳ》᠎ᠤᠨ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠪᠥᠬᠥ ᠬᠦᠴᠦᠨ ᠵᠶ᠋ᠠᠷ ᠵᠶ᠋ᠠᠨ ᠲᠥᠯᠬᠢᠨ ᠠᠬᠢᠭᠤᠯᠵᠤ ᠨᠠᠢ᠌ᠳᠠᠪᠤᠷᠢᠵᠢᠭᠤᠯᠤᠨ᠎ᠠ᠃ ᠪᠠᠶ᠋ᠢᠭᠤᠯᠤᠯ᠎ᠤᠨ ᠲᠣᠭᠲᠠᠴᠠ ᠵᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ᠂ ᠤᠯᠤᠰ᠎ᠤᠨ   ᠦᠮᠴᠢᠯᠡᠯᠲᠦ ᠡᠳ᠋ ᠬᠥᠷᠥᠩᠭᠡ ᠪᠣᠯᠣᠨ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ ᠵᠡᠷᠭᠡ ᠬᠦᠷᠢᠶᠡᠨ᠎ᠳᠠᠬᠢ ᠥᠭᠡᠷᠡᠴᠢᠯᠡᠯᠲᠡ ᠵᠢᠨ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠥᠪᠥᠷ ᠮᠣᠩᠭᠣᠯ᠎ᠤᠨ ᠶᠡᠬᠡ ᠬᠢᠩᠭ᠋ᠠᠨ ᠳᠠᠪᠠᠭ᠋ᠠᠨ᠎ᠤ ᠤᠯᠤᠰ᠎ᠤᠨ ᠦᠮᠴᠢᠯᠡᠯᠲᠦ ᠭᠣᠣᠯᠳᠠᠯᠭ᠎ᠠ᠎ᠲᠠᠢ ᠰᠢᠭᠤᠢ᠌ᠲᠤ ᠣᠷᠣᠨ᠎ᠤ ᠥᠭᠡᠷᠡᠴᠢᠯᠡᠯᠲᠡ ᠵᠢ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠤᠨ᠎ᠠ᠃ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠬᠥᠭᠵᠢᠯᠲᠡ ᠵᠢ ᠳᠡᠮᠵᠢᠵᠦ᠂ ᠬᠤᠳᠠ ᠵᠢᠨ ᠰᠠᠭᠤᠷᠢ ᠪᠡᠯᠡᠳᠬᠡᠮᠵᠢ ᠵᠢᠨ ᠪᠦᠳᠦᠭᠡᠨ ᠪᠠᠶ᠋ᠢᠭᠤᠯᠤᠯᠲᠠ᠂ ᠣᠷᠴᠢᠨ ᠲᠣᠭᠣᠷᠢᠨ᠎ᠤ ᠵᠠᠰᠠᠯᠲᠠ ᠵᠡᠷᠭᠡ ᠬᠦᠷᠢᠶᠡᠨ᠎ᠳᠤ ᠵᠠᠰᠠᠭ᠎ᠤᠨ ᠣᠷᠳᠣᠨ ᠬᠢᠭᠡᠳ ᠨᠡᠶ᠋ᠢᠭᠡᠮ᠎ᠤᠨ ᠬᠦᠷᠦᠩᠭᠡ ᠵᠢ ᠬᠣᠷᠰᠢᠭᠤᠯᠬᠤ ᠵᠠᠭᠪᠤᠷᠰᠢᠯ᠎ᠢ ᠳᠡᠯᠭᠡᠷᠡᠭᠦᠯᠦᠨ᠎ᠡ᠃ ᠠᠵᠤ ᠦᠢ᠍ᠯᠡᠰ᠎ᠤᠨ ᠬᠥᠭᠵᠢᠯᠲᠡ ᠵᠢᠨ ᠲᠡᠰ ᠳᠠᠪᠬᠤᠷᠭ᠎ᠠ ᠵᠢ ᠲᠥᠷᠭᠡᠨ ᠳᠡᠭᠡᠭᠰᠢᠯᠡᠭᠦᠯᠦᠨ᠎ᠡ᠃ ᠠᠵᠤ ᠦᠢ᠍ᠯᠡᠰ᠎ᠢ ᠰᠢᠯᠢᠳᠡᠭᠵᠢᠭᠦᠯᠦᠨ ᠲᠡᠰ ᠳᠡᠪᠰᠢᠭᠦᠯᠬᠦ ᠵᠢ ᠲᠥᠷᠭᠡᠳᠬᠡᠵᠦ᠂ ᠵᠡᠭᠦᠨ ᠬᠡᠰᠡᠭ᠎ᠤᠨ ᠠᠶ᠋ᠢᠮᠠᠭ ᠬᠤᠳᠠ ᠵᠢ ᠮᠠᠨ᠎ᠤ ᠤᠯᠤᠰ᠎ᠤᠨ ᠴᠡᠪᠡᠷ ᠡᠨᠧᠷᠭᠢ ᠭᠠᠷᠭ᠋ᠠᠬᠤ ᠴᠢᠬᠤᠯᠠ ᠰᠠᠭᠤᠷᠢᠨ ᠭᠠᠵᠠᠷ᠂ ᠤᠳᠤ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠂ ᠥᠩᠭᠡᠲᠦ ᠲᠡᠮᠦᠷᠯᠢᠭ ᠦᠢ᠍ᠯᠡᠳᠪᠦᠷᠢᠯᠡᠵᠦ ᠪᠣᠯᠪᠠᠰᠤᠷᠠᠭᠤᠯᠬᠤ ᠵᠡᠷᠭᠡ ᠰᠢᠨ᠎ᠡ ᠬᠡᠯᠪᠡᠷᠢ ᠵᠢᠨ ᠠᠵᠤ ᠦᠢ᠍ᠯᠡᠰ᠎ᠤᠨ ᠰᠠᠭᠤᠷᠢᠨ ᠭᠠᠵᠠᠷ᠂ ᠪᠣᠬᠢᠷᠲᠤᠯ ᠦᠭᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭ᠋ᠠᠬᠤ ᠰᠠᠭᠤᠷᠢᠨ ᠭᠠᠵᠠᠷ᠂ ᠲᠠᠯ᠎ᠠ ᠨᠤᠲᠤᠭ᠎ᠤᠨ ᠰᠣᠶᠣᠯ᠎ᠤᠨ ᠤᠮᠠᠷᠠᠲᠤ ᠬᠢᠯᠢ ᠵᠢᠨ ᠥᠪᠡᠷᠮᠢᠴᠡ ᠣᠨᠴᠠᠯᠢᠭ᠎ᠢ ᠬᠠᠷᠠᠭᠤᠯᠤᠭᠰᠠᠨ ᠵᠤᠭ᠋ᠠᠴᠠᠨ   ᠲᠣᠭᠤᠷᠢᠵᠤ ᠰᠡᠯᠡᠭᠦᠴᠡᠨ ᠠᠮᠠᠷᠠᠬᠤ ᠰᠠᠭᠤᠷᠢᠨ ᠭᠠᠵᠠᠷ ᠪᠣᠯᠭ᠋ᠠᠨ ᠴᠣᠭᠴᠠᠯᠠᠨ᠎ᠠ᠃ 《ᠭᠤᠷᠪᠠ ᠵᠢ ᠦᠭᠡᠢ᠌ᠰᠭᠡᠵᠦ ᠨᠢᠭᠡ ᠵᠢ ᠪᠠᠭᠤᠷᠠᠭᠤᠯᠤᠨ ᠨᠢᠭᠡ ᠵᠢ ᠨᠥᠬᠥᠪᠥᠷᠢᠯᠡᠬᠦ》 ᠲᠠᠪᠤᠨ ᠶᠡᠬᠡ ᠭᠣᠣᠯᠳᠠᠯᠭ᠎ᠠ᠎ᠲᠠᠢ ᠡᠭᠦᠷᠭᠡ ᠵᠢ ᠨᠠᠢ᠌ᠳᠠᠪᠤᠷᠢᠵᠢᠭᠤᠯᠵᠤ᠂ ᠤᠯᠠᠮᠵᠢᠯᠠᠯᠲᠤ ᠠᠵᠤ ᠦᠢ᠍ᠯᠡᠰ᠎ᠢ ᠶᠡᠬᠡᠪᠡᠷ ᠥᠭᠡᠷᠡᠴᠢᠯᠡᠨ ᠳᠡᠭᠡᠭᠰᠢᠯᠡᠭᠦᠯᠵᠦ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠢᠳᠡᠪᠬᠢᠲᠡᠶ᠎ᠪᠠᠷ ᠪᠣᠶ᠋ᠢᠵᠢᠭᠤᠯᠵᠤ᠂ ᠵᠢᠭᠤᠯᠴᠢᠯᠠᠯ᠂ ᠮᠥᠩᠭᠥᠨ ᠭᠦᠢ᠍ᠯᠭᠡᠭᠡᠨ᠂ ᠡᠳ᠋ ᠪᠠᠷᠠᠭ᠋ᠠᠨ᠎ᠤ ᠭᠦᠢ᠍ᠯᠭᠡᠭᠡ᠂ ᠮᠡᠳᠡᠭᠡ ᠵᠠᠩᠭᠢ ᠵᠡᠷᠭᠡ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠢ ᠲᠥᠷᠭᠡᠨ ᠬᠦᠭᠵᠢᠭᠦᠯᠦᠨ᠎ᠡ᠃ ᠰᠢᠨ᠎ᠡ ᠵᠢ ᠡᠭᠦᠳᠴᠦ ᠠᠳᠠᠯ ᠦᠢ᠍ᠯᠡᠰ ᠴᠣᠭᠴᠠᠯᠠᠬᠤ ᠵᠢ ᠬᠦᠴᠦᠲᠡᠢ ᠳᠡᠮᠵᠢᠨ᠎ᠡ᠃ ᠰᠢᠨ᠎ᠡ ᠵᠢ ᠡᠭᠦᠳᠬᠦ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠳᠤ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ᠂ ᠤᠳᠤ   ᠦᠶ᠎ᠡ ᠵᠢᠨ ᠲᠠᠷᠢᠶᠠᠯᠠᠩ ᠮᠠᠯ ᠠᠵᠤ ᠠᠬᠤᠶ ᠵᠢᠨ ᠮᠸᠬᠠᠨᠢᠭ᠂ ᠤᠳᠦ ᠦᠶ᠎ᠡ ᠵᠢᠨ ᠮᠣᠩᠭᠣᠯ ᠡᠮ ᠡᠮᠨᠡᠯᠭᠡ᠂ ᠠᠮᠢᠳᠤ ᠪᠣᠳᠠᠰ᠎ᠤᠨ ᠡᠭᠦᠯᠳᠡᠷ ᠪᠣᠶ᠋ᠢᠵᠢᠭᠤᠯᠬᠤ ᠵᠡᠷᠭᠡ ᠬᠦᠷᠢᠶᠡᠨ᠎ᠳᠤ᠂ ᠨᠢᠭᠡ ᠪᠦᠯᠦᠭ ᠭᠣᠣᠯᠳᠠᠯᠭ᠎ᠠ᠎ᠲᠠᠢ ᠢᠨᠵᠧᠨᠧᠷᠢᠩ᠎ᠤᠨ ᠲᠤᠷᠰᠢᠯᠲᠠ ᠵᠢᠨ ᠲᠠᠰᠤᠭ᠂ ᠢᠨᠵᠧᠨᠧᠷᠢᠩ᠎ᠤᠨ ᠮᠡᠷᠭᠡᠵᠢᠯ᠎ᠤᠨ ᠰᠤᠳᠤᠯᠭ᠋ᠠᠨ᠎ᠤ ᠲᠥᠪ᠂ ᠠᠵᠤ ᠠᠬᠤᠶ᠋ᠢᠯᠠᠯ᠎ᠤᠨ ᠮᠡᠷᠭᠡᠵᠢᠯ᠎ᠤᠨ ᠲᠥᠪ᠎ᠢ ᠪᠦᠲᠦᠭᠡᠨ ᠪᠠᠢ᠌ᠭᠤᠯᠤᠨ᠎ᠠ᠃ ᠬᠥᠯᠥᠨ ᠪᠤᠢ᠍ᠢ᠍ᠷ ᠬᠤᠳᠠ᠂ ᠲᠦᠩᠯᠢᠶᠣᠤ ᠬᠤᠳᠠ᠂ ᠤᠯᠠᠭ᠋ᠠᠨᠬᠠᠳᠠ ᠬᠣᠲᠠ᠎ᠳᠤ ᠵᠡᠭᠦᠨ ᠬᠣᠶ᠋ᠢᠲᠤ ᠣᠷᠣᠨ᠎ᠤ ᠠᠵᠤ ᠦᠢ᠍ᠯᠡᠳᠪᠦᠷᠢ ᠵᠢᠨ ᠬᠠᠭᠤᠴᠢᠨ ᠰᠠᠭᠤᠷᠢᠨ ᠭᠠᠵᠠᠷ᠎ᠤᠨ ᠠᠵᠤ ᠦᠢ᠍ᠯᠡᠰ᠎ᠤᠨ ᠬᠡᠯᠪᠡᠷᠢ ᠵᠢ ᠬᠣᠪᠢᠷᠠᠭᠤᠯᠬᠤ ᠤᠷ᠎ᠠ ᠮᠡᠷᠭᠡᠵᠢᠯᠲᠡᠶ ᠴᠢᠳᠠᠪᠤᠷᠢᠲᠠᠨ᠎ᠢ ᠬᠣᠣᠰ ᠡᠰᠢᠵᠢᠭᠦᠯᠦᠨ ᠪᠣᠢ᠌ᠵᠢᠭᠤᠯᠬᠤ ᠥᠭᠡᠷᠡᠴᠢᠯᠡᠯᠲᠡ ᠵᠢᠨ ᠲᠤᠷᠰᠢᠯᠲᠠ ᠵᠢ ᠵᠣᠬᠢᠶᠠᠨ ᠪᠠᠢ᠌ᠭᠤᠯᠤᠨ ᠦᠷᠨᠢᠭᠦᠯᠵᠦ᠂ ᠵᠡᠭᠦᠨ ᠬᠡᠰᠡᠭ᠎ᠤᠨ ᠠᠶ᠋ᠢᠮᠠᠭ ᠬᠤᠳᠠ ᠵᠢᠨ ᠠᠵᠤ ᠦᠢ᠍ᠯᠡᠰ᠎ᠤᠨ ᠬᠥᠭᠵᠢᠯᠲᠡ᠎ᠳᠤ ᠴᠢᠳᠠᠪᠤᠷᠢᠲᠠᠨ᠎ᠤ ᠲᠦᠰᠢᠭ ᠲᠤᠯᠭ᠋ᠠᠭᠤᠷᠢ ᠣᠯᠭᠤᠵᠤ ᠥᠭᠭᠦᠨ᠎ᠡ᠃ ᠠᠮᠢ ᠠᠬᠤᠶ ᠵᠢᠨ ᠪᠥᠳᠥᠭᠡᠨ ᠪᠠᠶ᠋ᠢᠭᠤᠯᠤᠯᠲᠠ ᠵᠢ ᠬᠦᠴᠦᠯᠡᠨ ᠴᠢᠩᠭ᠋ᠠᠳᠬᠠᠨ᠎ᠠ᠃ ᠶᠡᠬᠡ ᠬᠢᠩᠭ᠋ᠠᠨ ᠳᠠᠪᠠᠭ᠋ᠠᠨ᠎ᠤ ᠰᠢᠭᠤᠢ᠌ᠲᠤ ᠣᠷᠣᠨ᠎ᠤ ᠠᠮᠢ ᠠᠬᠤᠶ ᠵᠢᠨ ᠬᠠᠮᠠᠭ᠋ᠠᠯᠠᠯᠲᠠ ᠪᠣᠯᠤᠨ ᠬᠥᠯᠥᠨ ᠪᠤᠢ᠍ᠢ᠍ᠷ᠂ ᠰᠢᠯᠢ ᠵᠢᠨ ᠭᠣᠣᠯ ᠵᠡᠷᠭᠡ ᠭᠣᠣᠯᠳᠠᠯᠭ᠎ᠠ᠎ᠲᠠᠢ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢ ᠥᠷᠭᠦᠯᠵᠢᠯᠡᠨ ᠲᠦᠯᠬᠢᠨ ᠠᠬᠢᠭᠤᠯᠵᠤ᠂ ᠬᠥᠯᠥᠨ ᠨᠠᠭᠤᠷ᠎ᠤᠨ ᠰᠠᠪᠠ ᠭᠠᠵᠠᠷ᠎ᠤᠨ ᠠᠮᠢ ᠠᠬᠤᠶ ᠪᠣᠯᠣᠨ ᠣᠷᠴᠢᠨ ᠲᠣᠭᠣᠷᠢᠨ᠎ᠢ ᠶᠡᠷᠦᠩᠬᠡᠶ᠋ᠢᠯᠡᠨ ᠵᠠᠰᠠᠬᠤ ᠢᠨᠵᠧᠨᠧᠷᠢᠩ᠎ᠢ ᠢᠳᠡᠪᠬᠢᠲᠡᠢ ᠦᠷᠨᠢᠭᠦᠯᠵᠦ᠂ ᠡᠬᠡ ᠤᠯᠤᠰ᠎ᠤᠨ ᠤᠮᠠᠷᠠᠲᠤ ᠣᠷᠣᠨ᠎ᠤ ᠠᠮᠢ ᠠᠬᠤᠶ ᠵᠢᠨ ᠠᠮᠤᠷ ᠲᠦᠪᠰᠢᠨ᠎ᠤ ᠴᠢᠬᠤᠯᠠ ᠬᠠᠯᠬᠠᠪᠴᠢ ᠵᠢ ᠪᠠᠶ᠋ᠢᠭᠤᠯᠤᠨ᠎ᠠ᠃ ᠭᠠᠳᠠᠭ᠋ᠠᠳᠤ᠎ᠲᠠᠢ ᠴᠢᠯᠥᠭᠡᠲᠡᠶ ᠶᠠᠪᠤᠯᠴᠠᠬᠤ ᠪᠠ ᠳᠣᠲᠣᠭ᠋ᠠᠳᠤ᠎ᠳᠠᠭᠠᠨ ᠬᠠᠮᠲᠤᠷᠠᠯᠴᠠᠬᠤ ᠵᠢ ᠤᠯᠠᠮ ᠨᠢᠭᠡ ᠠᠯᠬᠤᠮ ᠴᠢᠩᠭ᠋ᠠᠳᠬᠠᠨ᠎ᠠ᠃ ᠤᠯᠤᠰ᠎ᠤᠨ 《ᠨᠢᠭᠡ ᠪᠦᠰᠡ ᠨᠢᠭᠡ ᠵᠠᠮ》᠎ᠤᠨ ᠪᠠᠶ᠋ᠢᠯᠳᠤᠬᠤ ᠪᠤᠳᠤᠯᠭ᠎ᠠ᠎ᠲᠠᠢ ᠢᠳᠡᠪᠬᠢᠲᠡᠶ ᠠᠭᠤᠰᠤᠯᠴᠠᠵᠤ᠂ ᠣᠷᠣᠰ ᠮᠣᠩᠭᠣᠯ᠎ᠤᠨ ᠬᠥᠷᠰᠢ ᠵᠡᠷᠭᠡᠯᠡᠳᠡᠭᠡ ᠭᠠᠵᠠᠷ ᠣᠷᠣᠨ᠎ᠯᠤᠭ᠎ᠠ ᠰᠠᠭᠤᠷᠢ ᠪᠡᠯᠡᠳᠬᠡᠮᠵᠢ ᠵᠢᠨ ᠲᠠᠯ᠎ᠠ᠎ᠪᠠᠷ ᠬᠠᠷᠢᠯᠴᠠᠨ ᠬᠣᠯᠪᠣᠯᠳᠤᠵᠤ ᠬᠠᠷᠢᠯᠴᠠᠨ ᠨᠡᠪᠲᠡᠷᠡᠯᠴᠡᠬᠦ ᠵᠢ ᠲᠦᠷᠭᠡᠳᠬᠡᠵᠦ᠂ ᠮᠠᠨᠵᠤᠤᠷ᠂ ᠡᠷᠢᠶᠡᠨ ᠬᠤᠳᠠ ᠵᠢᠨ ᠤᠯᠤᠰ᠎ᠤᠨ ᠭᠣᠣᠯᠳᠠᠯᠭ᠎ᠠ᠎ᠲᠠᠢ ᠨᠡᠭᠡᠭᠡᠨ ᠬᠥᠭᠵᠢᠭᠦᠯᠵᠦ ᠨᠡᠭᠡᠭᠡᠯᠳᠡ ᠬᠢᠬᠦ ᠲᠤᠷᠰᠢᠯᠲᠠ ᠵᠢᠨ ᠣᠷᠣᠨ ᠪᠣᠯᠤᠨ ᠬᠥᠯᠥᠨ ᠪᠣᠢ᠌ᠷ᠎ᠤᠨ ᠳᠤᠮᠳᠠᠳᠤ ᠤᠷᠤᠰ ᠮᠣᠩᠭᠣᠯ᠎ᠤᠨ ᠬᠠᠮᠲᠤᠷᠠᠨ ᠠᠵᠢᠯᠯᠠᠬᠤ ᠬᠣᠰᠢᠭᠤᠴᠢ ᠣᠷᠣᠨ᠎ᠤ ᠪᠦᠳᠦᠬᠡᠨ ᠪᠠᠶ᠋ᠢᠭᠤᠯᠤᠯᠲᠠ ᠵᠢ ᠲᠥᠷᠭᠡᠳᠬᠡᠵᠦ᠂ ᠣᠯᠠᠨ ᠤᠯᠤᠰ᠎ᠤᠨ ᠬᠣᠭᠣᠷᠣᠨᠳᠣᠬᠢ ᠦᠢ᠍ᠯᠡᠳᠪᠦᠷᠢᠯᠡᠬᠦ ᠴᠢᠳᠠᠪᠤᠷᠢ ᠵᠢᠨ ᠬᠠᠮᠲᠤᠷᠠᠯᠴᠠᠭ᠎ᠠ ᠵᠢ ᠢᠳᠡᠪᠬᠢᠲᠡᠢ ᠲᠦᠯᠬᠢᠨ ᠠᠬᠢᠭᠤᠯᠤᠨ᠎ᠠ᠃ ᠵᠡᠭᠦᠨ ᠬᠣᠶ᠋ᠢᠲᠤ ᠵᠢᠨ ᠭᠤᠷᠪᠠᠨ ᠮᠤᠵᠢ᠎ᠯᠤᠭ᠎ᠠ ᠵᠢᠨ ᠬᠠᠮᠲᠤᠷᠠᠯᠴᠠᠭ᠋ᠠᠨ᠎ᠤ ᠲᠣᠭᠲᠠᠴᠠ ᠵᠢ ᠤᠯᠠᠮ ᠴᠢᠨᠠᠭᠰᠢᠳᠠ ᠪᠦᠷᠢᠨᠰᠢᠭᠦᠯᠵᠦ᠂ ᠵᠡᠭᠦᠨ ᠬᠡᠰᠡᠭ᠎ᠤᠨ ᠠᠢ᠌ᠮᠠᠭ ᠬᠣᠲᠠ ᠪᠣᠯᠣᠨ ᠪᠡᠭᠡᠵᠢᠩ ᠲᠢᠶᠠᠨᠵᠢᠨ ᠡᠾᠸᠪᠸᠢ ᠵᠢᠨ ᠠᠵᠤ ᠠᠬᠤᠶ ᠵᠢᠨ ᠣᠷᠣᠨ᠎ᠤ ᠨᠡᠶ᠋ᠢᠯᠡᠯ ᠬᠥᠭᠵᠢᠯᠲᠡ ᠵᠢ ᠲᠦᠯᠬᠢᠨ ᠠᠬᠢᠭᠤᠯᠵᠤ᠂ ᠪᠡᠭᠡᠵᠢᠩ᠎ᠤᠨ ᠨᠡᠶ᠋ᠢᠰᠯᠡᠯ᠎ᠤᠨ ᠪᠤᠰᠤ ᠴᠢᠳᠠᠪᠬᠢ ᠵᠢᠨ ᠰᠢᠯᠵᠢᠯᠲᠡ ᠵᠢ ᠰᠠᠨᠠᠭ᠋ᠠᠴᠢᠯᠠᠭ᠎ᠠ᠎ᠠᠴᠠ᠎ᠪᠠᠨ ᠳᠠᠭ᠋ᠠᠭ᠋ᠠᠴᠢᠯᠠᠨ ᠠᠪᠤᠨ᠎ᠠ᠃ ᠠᠷᠠᠳ᠎ᠤᠨ ᠠᠮᠢᠳᠤᠷᠠᠯ᠎ᠢ ᠦᠨᠡᠨ ᠬᠦ᠌ ᠪᠠᠲᠤᠯᠠᠨ ᠰᠠᠶ᠋ᠢᠵᠢᠷᠠᠭᠤᠯᠤᠨ᠎ᠠ᠃ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ᠂ ᠳᠥᠭᠥᠮ ᠪᠦᠳᠦᠭᠦᠯᠢᠭ ᠣᠷᠣᠨ ᠰᠠᠭᠤᠴᠠᠳᠤ ᠲᠣᠭᠣᠷᠢᠭ᠎ᠢ ᠥᠭᠡᠷᠡᠴᠢᠯᠡᠨ ᠰᠠᠢ᠌ᠵᠢᠷᠠᠭᠤᠯᠬᠤ᠂ ᠬᠤᠲᠠ ᠵᠢᠨ ᠲᠣᠭᠣᠷᠢᠭ᠎ᠤᠨ ᠠᠵᠤ ᠦᠢ᠍ᠯᠡᠳᠪᠦᠷᠢ ᠵᠢᠨ ᠬᠠᠭᠤᠴᠢᠨ ᠲᠣᠭᠣᠷᠢᠭ ᠪᠣᠯᠣᠨ ᠪᠡᠶ᠎ᠡ᠎ᠪᠠᠨ ᠳᠠᠭ᠋ᠠᠭ᠋ᠠᠭᠰᠠᠨ ᠦᠢ᠍ᠯᠡᠳᠪᠦᠷᠢ ᠠᠭᠤᠷᠬᠠᠶ ᠵᠢᠨ ᠲᠣᠭᠣᠷᠢᠭ᠎ᠢ ᠨᠡᠭᠦᠯᠭᠡᠵᠦ ᠥᠭᠡᠷᠡᠴᠢᠯᠡᠨ ᠰᠠᠢ᠌ᠵᠢᠷᠠᠭᠤᠯᠬᠤ᠂ ᠨᠡᠭᠦᠷᠡᠰᠦ ᠮᠠᠯᠲᠠᠭ᠋ᠠᠳ ᠬᠣᠲᠤᠢ᠌ᠭᠰᠠᠨ ᠣᠷᠣᠨ᠎ᠢ ᠶᠡᠷᠦᠩᠬᠡᠶ᠋ᠢᠯᠡᠨ ᠵᠠᠰᠠᠬᠤ ᠵᠡᠷᠭᠡ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠥᠷᠭᠦᠯᠵᠢᠯᠡᠨ ᠰᠠᠢ᠌ᠲᠤᠷ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ᠎ᠤ 《ᠠᠷᠪᠠ ᠵᠢ ᠪᠦᠷᠢᠨ ᠪᠦᠷᠬᠦᠭᠦᠯᠬᠦ》 ᠢᠨᠵᠧᠨᠧᠷᠢᠩ᠎ᠢ ᠥᠷᠭᠦᠯᠵᠢᠯᠡᠨ ᠲᠦᠯᠬᠢᠨ ᠠᠬᠢᠭᠤᠯᠤᠨ᠎ᠠ᠃
      ᠥᠪᠥᠷ ᠮᠣᠩᠭᠣᠯ ᠪᠣᠯ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠵᠢᠨ ᠴᠢᠬᠤᠯᠠ ᠪᠦᠷᠢᠯᠳᠦᠬᠦᠨ ᠬᠡᠰᠡᠭ᠎ᠨᠢ ᠪᠣᠯᠣᠨ᠎ᠠ᠃ ᠪᠢᠳᠠᠨᠠᠷ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ᠎ᠲᠠᠢ ᠨᠢᠭᠲᠠ ᠤᠶᠠᠯᠳᠤᠭᠤᠯᠤᠨ᠂ ᠠᠵᠠ ᠲᠣᠬᠢᠶᠠᠯ᠎ᠢ ᠠᠮᠵᠢᠨ ᠠᠳᠬᠤᠵᠤ᠂ ᠵᠠᠮ ᠨᠡᠭᠡᠭᠡᠨ ᠰᠢᠨ᠎ᠡ ᠵᠢ ᠡᠭᠦᠳᠴᠦ᠂ ᠵᠣᠷᠢᠭ ᠵᠣᠯᠪᠣᠭ᠎ᠠ᠎ᠲᠠᠢ ᠴᠢᠷᠮᠠᠢ᠍ᠨ ᠤᠷᠤᠭᠰᠢᠯᠠᠵᠤ᠂ ᠯᠠᠪᠳᠠᠭᠤᠨ ᠪᠠᠲᠤᠲᠠᠶ ᠠᠵᠢᠯᠯᠠᠨ᠂ ᠥᠪᠥᠷ ᠮᠣᠩᠭᠣᠯ ᠵᠶ᠋ᠠᠨ ᠮᠠᠨᠳᠤᠭᠤᠯᠤᠨ ᠬᠥᠭᠵᠢᠭᠦᠯᠬᠦ ᠰᠢᠨ᠎ᠡ ᠪᠠᠶ᠋ᠢᠳᠠᠯ᠎ᠢ ᠲᠠᠰᠣᠷᠠᠯᠲᠠ ᠣᠢ᠍ᠭᠡᠢ ᠨᠡᠭᠡᠭᠡᠨ ᠴᠣᠭᠴᠠᠯᠠᠵᠤ᠂ ᠵᠡᠭᠦᠨ ᠬᠣᠶ᠋ᠢᠲᠤ ᠣᠷᠣᠨ᠎ᠤ ᠠᠵᠤ ᠦᠢ᠍ᠯᠡᠳᠪᠦᠷᠢ ᠵᠢᠨ ᠬᠠᠭᠤᠴᠢᠨ ᠰᠠᠭᠤᠷᠢᠨ ᠭᠠᠵᠠᠷ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ᠎ᠪᠠᠨ ᠦᠵᠡᠭᠦᠯᠦᠨ᠎ᠡ᠃
      ᠬᠥᠲᠥᠯᠥᠭᠴᠢ᠄
      ᠵᠠ᠂ ᠸᠸᠨ ᠡᠷᠬᠢᠯᠡᠭᠴᠢ ᠵᠢᠨ ᠬᠦᠯᠢᠴᠡᠩᠭᠦᠶ᠎ᠪᠠᠷ ᠲᠠᠢ᠌ᠯᠦᠮᠵᠢ ᠬᠢᠭᠰᠡᠨ᠎ᠳᠤ ᠮᠠᠰᠢ ᠲᠠᠯᠠᠷᠬᠠᠵᠤ ᠪᠠᠶ᠋ᠢᠨ᠎ᠠ᠂ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠵᠠᠪᠰᠠᠷᠯᠠᠯ᠎ᠠ᠂ ᠳᠠᠷᠠᠭ᠋ᠠᠴᠢ ᠵᠢᠨ ᠬᠤᠭᠤᠴᠠᠭ᠋ᠠᠨ᠎ᠤ ᠫᠷᠤᠭ᠌ᠷᠠᠮ᠎ᠳᠤ ᠪᠠᠶᠠᠷᠲᠠᠢ᠌ᠬᠠᠨ ᠵᠣᠯᠭ᠋ᠠᠶ᠎ᠠ!

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠭᠠᠶ᠋ᠢᠯᠢ ᠲᠠᠲᠠᠪᠤᠷᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠠᠷᠠᠭ᠋ᠠᠯᠵᠠᠯ ᠦᠵᠡᠭᠦᠯᠬᠦ ᠲᠦᠷᠦ ᠵᠢᠨ ᠪᠤᠳᠤᠯᠬ᠎ᠠ ᠵᠢ ᠨᠠᠢ᠌ᠳᠠᠪᠤᠷᠢᠵᠢᠭᠤᠯᠤᠨ᠎ᠠ
ᠥᠪᠥᠷ ᠮᠣᠩᠭᠣᠯ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠭᠦ ᠬᠦᠴᠦᠨ ᠵᠶ᠋ᠠᠷ ᠵᠶ᠋ᠠᠨ ᠴᠤᠭᠴᠠᠯᠠᠵᠤ ᠪᠤᠢ
ᠲᠠᠷᠢᠶᠠᠨ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠲᠦᠷᠢᠮ᠎ᠢ ᠨᠠᠶ᠋ᠢᠳᠠᠪᠤᠷᠢᠵᠢᠭᠤᠯᠵᠤ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠭᠤᠷᠢ ᠵᠢ ᠪᠡᠬᠢᠵᠢᠬᠦᠯᠦᠶ᠎ᠡ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ᠎ᠳᠤ ᠰᠢᠨ᠎ᠡ ᠵᠢ ᠡᠭᠦᠳᠦᠨ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠵᠢᠨ ᠬᠡᠷᠡᠭᠵᠢᠭᠦᠯᠬᠦ ᠲᠦᠰᠦᠯ》᠎ᠤᠨ ᠲᠠᠢ᠌ᠯᠤᠮᠵᠢ
ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ ᠪᠠ ᠪᠦᠯᠬᠦᠮᠳᠡᠨ ᠲᠡᠮᠡᠴᠡᠵᠦ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠤᠨ ᠰᠢᠨ᠎ᠡ ᠪᠠᠶ᠋ᠢᠳᠠᠯ᠎ᠢ ᠲᠠᠰᠤᠷᠠᠯᠳᠠ ᠦᠭᠡᠢ ᠡᠭᠦᠳᠦᠶ᠎ᠡ
 
            