ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢᠨ ᠲᠤᠭᠤᠷᠢᠨ᠎ᠳᠤ᠂ ᠪᠦᠲᠦᠮᠵᠢᠲᠡᠶ ᠪᠡᠯᠡ ᠣᠷᠣᠭᠤᠯᠤᠯᠲᠠ ᠪᠠ ᠲᠥᠷᠥᠯ ᠵᠦᠢ᠍ᠯ᠎ᠤᠨ ᠪᠥᠳᠥᠭᠡᠨ ᠪᠠᠶ᠋ᠢᠭᠤᠯᠤᠯᠲᠠ ᠵᠢ ᠬᠦᠴᠦᠲᠡᠶ ᠠᠳᠬᠤᠰᠤᠭ᠋ᠠᠢ
ᠨᠡᠶ᠋ᠢᠲᠡᠯᠡᠭᠰᠡᠨ ᠴᠠᠭ᠄ 2016-08-03


      ᠰᠤᠷᠪᠤᠯᠵᠢᠯᠠᠭᠰᠠᠨ ᠴᠠᠭ᠄
     2016 ᠤᠨ᠎ᠤ 7 ᠳ᠋ᠤᠭ᠋ᠠᠷ ᠰᠠᠷ᠎ᠠ ᠵᠢᠨ 8᠎ᠤ ᠡᠳᠦᠷ᠎ᠤᠨ ᠦᠳᠡ ᠵᠢᠨ ᠡᠮᠦᠨᠡᠬᠢ 10 ᠴᠠᠭ
      ᠰᠤᠷᠪᠤᠯᠵᠢᠯᠠᠭᠰᠠᠨ ᠵᠤᠴᠢᠨ᠄
      ᠲᠦᠩᠯᠢᠶᠣᠤ ᠬᠣᠲᠠ ᠵᠢᠨ ᠬᠦᠭᠵᠢᠬᠦᠯᠦᠯᠲᠡ ᠥᠭᠡᠷᠡᠴᠢᠯᠡᠯᠲᠡ ᠵᠢᠨ ᠵᠦᠪᠯᠡᠯ᠎ᠤᠨ ᠡᠷᠬᠢᠯᠡᠭᠴᠢ ᠯᠢᠦ ᠯᠠᠨ ᠶᠢᠨᠭ
      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
      ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠪᠤᠯ ᠮᠠᠨ᠎ᠤ ᠤᠯᠤᠰ᠎ᠤᠨ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠳᠠᠬᠢ ᠠᠵᠤ ᠠᠬᠤᠶ ᠵᠢᠨ ᠠᠵᠢᠯ᠎ᠤᠨ ᠨᠢᠭᠡᠨ ᠴᠢᠬᠤᠯᠠ ᠡᠭᠦᠷᠭᠡ ᠮᠥᠨ᠃ ᠲᠦᠩᠯᠢᠶᠣᠤ ᠬᠣᠲᠠ᠎ᠳᠤ ᠠᠪᠴᠤ ᠬᠡᠯᠡᠪᠡᠯ᠂ ᠯᠠᠪᠳᠠᠭᠤᠨ ᠵᠶ᠋ᠠᠷ ᠨᠡᠮᠡᠭᠳᠡᠭᠦᠯᠬᠦ ᠪᠠ ᠪᠦᠲᠦᠴᠡ ᠵᠢ ᠲᠣᠬᠢᠷᠠᠭᠤᠯᠬᠤ᠂   ᠪᠦᠲᠦᠮᠵᠢᠲᠡᠶ ᠬᠡᠷᠡᠭᠴᠡᠭᠡ ᠵᠢ ᠦᠷᠭᠡᠳᠭᠡᠬᠦ ᠪᠠ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠦᠬᠡᠷᠡᠴᠢᠯᠡᠯᠲᠡ ᠵᠢ ᠠᠬᠢᠭᠤᠯᠬᠤ ᠬᠠᠮᠤᠭ ᠰᠠᠢ᠍ᠢ᠍ᠨ ᠤᠶᠠᠯᠳᠤᠯ᠎ᠤᠨ ᠴᠢᠭ᠋᠎ᠢ ᠬᠡᠷᠬᠢᠨ ᠣᠨᠣᠪᠴᠢᠲᠠᠶ ᠡᠷᠢᠵᠦ᠂ 《ᠵᠢᠷᠭᠤᠭ᠋ᠠᠨ ᠶᠡᠬᠡ ᠠᠵᠤ ᠦᠢ᠍ᠯᠡᠰ᠎ᠤᠨ ᠰᠠᠭᠤᠷᠢᠨ ᠭᠠᠵᠠᠷ》᠎ᠢ ᠴᠤᠭᠴᠠᠯᠠᠬᠤ᠎ᠲᠠᠢ ᠤᠶᠠᠯᠳᠤᠭᠤᠯᠤᠨ᠂ ᠬᠠᠷᠢᠴᠠᠨᠭ᠌ᠭᠤᠢ ᠳᠠᠪᠠᠭᠤᠯᠢᠭ ᠲᠠᠯ᠎ᠠ᠎ᠪᠠᠨ ᠭᠦᠨᠵᠡᠭᠡᠶ ᠠᠭᠤᠳᠠᠯᠯᠠᠵᠤ᠂   ᠪᠦᠲᠦᠮᠵᠢᠲᠡᠶ ᠪᠡᠯᠡ ᠣᠷᠣᠭᠤᠯᠤᠯᠲᠠ ᠵᠢ ᠳᠡᠭᠡᠭᠰᠢᠯᠡᠭᠦᠯᠵᠦ᠂ ᠪᠡᠯᠡ ᠣᠷᠣᠭᠤᠯᠤᠯᠲᠠ ᠵᠢᠨ ᠵᠠᠩᠭᠢᠯᠠᠭ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠵᠤ ᠠᠬᠤᠶ ᠵᠢᠨ ᠡᠷᠬᠢᠯᠲᠡ ᠵᠢ ᠵᠦᠶ ᠵᠣᠬᠢᠰᠲᠠᠶ ᠣᠷᠣᠨ ᠵᠠᠶ᠎ᠳᠤ ᠪᠠᠢ᠌ᠯᠭ᠋ᠠᠬᠤ ᠵᠢ ᠦᠨᠡᠨ ᠬᠦ᠌ ᠪᠠᠲᠤᠯᠠᠬᠤ ᠪᠤᠯ ᠡᠨᠡ ᠵᠢᠯ᠎ᠤᠨ ᠠᠵᠤ ᠠᠬᠤᠶ ᠵᠢᠨ ᠠᠵᠢᠯ᠎ᠤᠨ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠮᠥᠨ᠃ ᠤᠢ᠌ᠷ᠎ᠠ᠎ᠳᠤ᠂ ᠪᠢᠳᠡ ᠲᠦᠩᠯᠢᠶᠣᠤ ᠬᠣᠲᠠ ᠵᠢᠨ ᠬᠦᠭᠵᠢᠬᠦᠯᠦᠯᠲᠡ ᠥᠭᠡᠷᠡᠴᠢᠯᠡᠯᠲᠡ ᠵᠢᠨ ᠵᠦᠪᠯᠡᠯ᠎ᠤᠨ ᠡᠷᠬᠢᠯᠡᠭᠴᠢ ᠯᠢᠦ ᠯᠠᠨ ᠶᠢᠨᠭ᠎ᠢ ᠤᠷᠢᠵᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢᠨ ᠲᠤᠭᠤᠷᠢᠨ᠎ᠳᠤ᠂ ᠪᠦᠲᠦᠮᠵᠢᠲᠡᠶ ᠪᠡᠯᠡ ᠣᠷᠣᠭᠤᠯᠤᠯᠲᠠ ᠪᠠ ᠲᠥᠷᠥᠯ ᠵᠦᠢ᠍ᠯ᠎ᠤᠨ ᠪᠥᠳᠥᠭᠡᠨ ᠪᠠᠶ᠋ᠢᠭᠤᠯᠤᠯᠲᠠ ᠵᠢ ᠬᠦᠴᠦᠲᠠᠢ ᠠᠳᠬᠤᠬᠤ ᠲᠤᠬᠠᠢ ᠥᠷᠭᠡᠨ ᠣᠯᠠᠨ ᠰᠦᠯᠵᠢᠶᠡᠨ ᠠᠨᠳᠠ ᠨᠠᠷ᠎ᠲᠠᠢ ᠶᠠᠷᠢᠯᠴᠠᠬᠤ ᠪᠤᠯᠤᠨ᠎ᠠ᠃ ᠲᠤᠬᠠᠶ ᠵᠢᠨ ᠴᠠᠭ᠎ᠲᠤ᠂ ᠰᠦᠯᠵᠢᠶᠡᠨ ᠠᠨᠳᠠ ᠨᠠᠷ᠎ᠤᠨ ᠢᠳᠡᠪᠬᠢᠲᠡᠶ ᠤᠷᠤᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ!


      ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ


      ᠬᠥᠲᠥᠯᠥᠭᠴᠢ᠄
      ᠰᠦᠯᠵᠢᠶᠡᠨ ᠠᠨᠳᠠ ᠨᠠᠷ ᠰᠠᠢ᠍ᠢ᠍ᠨ ᠪᠠᠢ᠌ᠵᠠᠭ᠋ᠠᠨ᠎ᠠ ᠤᠤ! ᠲᠣᠰ ᠬᠤᠭᠤᠴᠠᠭ᠋ᠠᠨ᠎ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠶ᠋ᠢᠨ᠎ᠠ᠃ ᠥᠨᠥᠳᠦᠷ ᠪᠢᠳᠡ ᠲᠦᠩᠯᠢᠶᠣᠤ ᠬᠣᠲᠠ ᠵᠢᠨ ᠬᠦᠭᠵᠢᠬᠦᠯᠦᠯᠲᠡ ᠥᠭᠡᠷᠡᠴᠢᠯᠡᠯᠲᠡ ᠵᠢᠨ ᠵᠦᠪᠯᠡᠯ᠎ᠤᠨ ᠡᠷᠬᠢᠯᠡᠭᠴᠢ ᠯᠢᠦ ᠯᠠᠨ ᠶᠢᠨᠭ᠎ᠢ ᠠᠵᠠ᠎ᠲᠠᠢ᠎ᠪᠠᠷ ᠤᠷᠢᠵᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢᠨ ᠲᠤᠭᠤᠷᠢᠨ᠎ᠳᠤ᠂ ᠪᠦᠲᠦᠮᠵᠢᠲᠡᠶ ᠪᠡᠯᠡ ᠣᠷᠣᠭᠤᠯᠤᠯᠲᠠ ᠪᠠ ᠲᠥᠷᠥᠯ ᠵᠦᠢ᠍ᠯ᠎ᠤᠨ ᠪᠥᠳᠥᠭᠡᠨ ᠪᠠᠶ᠋ᠢᠭᠤᠯᠤᠯᠲᠠ ᠵᠢ ᠬᠡᠷᠬᠢᠨ ᠰᠠᠶ᠋ᠢᠲᠤᠷ ᠠᠳᠬᠤᠵᠤ᠂ ᠠᠵᠤ ᠠᠬᠤᠶ ᠵᠢᠨ ᠨᠡᠮᠡᠭᠳᠡᠯ᠎ᠢ ᠲᠣᠭᠲᠠᠭᠤᠨ ᠪᠠᠶ᠋ᠢᠯᠭ᠋ᠠᠬᠤ ᠵᠡᠷᠭᠡ ᠬᠣᠯᠪᠣᠭᠳᠠᠯ ᠪᠦᠬᠦᠢ ᠪᠠᠶ᠋ᠢᠳᠠᠯ᠎ᠤᠨ ᠲᠤᠬᠠᠢ ᠲᠠ ᠪᠦᠬᠦᠨ᠎ᠲᠠᠢ ᠶᠠᠷᠢᠯᠴᠠᠬᠤ᠎ᠪᠠᠷ ᠪᠠᠢ᠌ᠨ᠎ᠠ᠃ ᠯᠢᠦ ᠡᠷᠬᠢᠯᠡᠭᠴᠢ ᠵᠢ ᠪᠠᠶᠠᠷᠯᠠᠨ ᠤᠭᠲᠤᠵᠤ ᠪᠠᠶ᠋ᠢᠨ᠎ᠠ!
      ᠯᠢᠤ ᠯᠠᠨ ᠶᠢᠨᠭ᠄
      ᠬᠥᠲᠥᠯᠥᠭᠴᠢ ᠰᠠᠶ᠋ᠢᠨ ᠪᠠᠢ᠌ᠨ᠎ᠠ ᠤᠤ᠂ ᠰᠦᠯᠵᠢᠶᠡᠨ ᠠᠨᠳᠠ ᠨᠠᠷ ᠰᠠᠢ᠍ᠢ᠍ᠨ ᠤᠤ! ᠡᠨᠡ ᠬᠦ᠌ ᠲᠠᠪᠴᠠᠩ ᠵᠶ᠋ᠠᠷ ᠬᠣᠶᠠᠳᠤᠭ᠋ᠠᠷ ᠤᠳᠠᠭ᠎ᠠ ᠲᠠ ᠨᠠᠷ᠎ᠲᠠᠢ ᠶᠠᠷᠢᠯᠴᠠᠬᠤ ᠪᠤᠯᠤᠭᠰᠠᠨ᠎ᠳᠠᠭᠠᠨ ᠪᠠᠶᠠᠷᠯᠠᠵᠤ ᠪᠠᠶ᠋ᠢᠨ᠎ᠠ᠃ ᠰᠦᠯᠵᠢᠶᠡᠨ ᠠᠨᠳᠠ ᠨᠠᠷ ᠲᠦᠩᠯᠢᠶᠣᠤ ᠬᠣᠲᠠ ᠵᠢᠨ ᠬᠦᠭᠵᠢᠬᠦᠯᠦᠯᠲᠡ ᠥᠭᠡᠷᠡᠴᠢᠯᠡᠯᠲᠡ ᠵᠢᠨ ᠠᠵᠢᠯ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ᠎ᠳᠤ ᠲᠠᠯᠠᠷᠬᠠᠵᠤ ᠪᠠᠢ᠌ᠨ᠎ᠠ!
      ᠬᠥᠲᠥᠯᠥᠭᠴᠢ᠄
      ᠲᠠ ᠲᠦᠩᠯᠢᠶᠣᠤ ᠬᠣᠲᠠ ᠵᠢᠨ ᠡᠨᠡ ᠵᠢᠯ᠎ᠤᠨ ᠲᠣᠭᠲᠠᠭ᠋ᠠᠭᠰᠠᠨ ᠠᠵᠤ ᠠᠬᠤᠶ ᠵᠢᠨ ᠭᠣᠣᠯ ᠬᠠᠷᠠᠯᠲᠠ ᠵᠢ ᠲᠤᠪᠴᠢ ᠲᠠᠨᠢᠯᠴᠠᠭᠤᠯᠤᠭ᠋ᠠᠳ ᠦᠭᠭᠦᠨ᠎ᠡ ᠤᠤ?
      ᠯᠢᠤ ᠯᠠᠨ ᠶᠢᠨᠭ᠄
      ᠡᠨᠡ ᠵᠢᠯ ᠪᠣᠯ 《13·5》 ᠵᠢᠨ ᠲᠥᠯᠥᠪᠵᠢᠭᠦᠯᠭᠡ ᠵᠢᠨ ᠡᠬᠢᠯᠡᠯᠲᠡ ᠵᠢᠨ ᠵᠢᠯ ᠪᠤᠯᠤᠨ᠎ᠠ᠂ ᠠᠵᠤ ᠠᠬᠤᠶ ᠨᠡᠢ᠌ᠭᠡᠮ᠎ᠤᠨ ᠬᠦᠭᠵᠢᠯᠲᠠ ᠵᠢ ᠠᠬᠢᠭᠤᠯᠵᠤ ᠰᠠᠢ᠍ᠢ᠍ᠠ ᠡᠬᠢᠯᠡᠯᠲᠡ᠎ᠲᠠᠢ ᠪᠣᠯᠭ᠋ᠠᠬᠤ ᠵᠢ ᠪᠠᠲᠤᠯᠠᠬᠤ ᠵᠢᠨ ᠲᠤᠯᠠᠳᠠ᠂ ᠪᠦᠬᠦ ᠬᠣᠲᠠ ᠵᠢᠨ ᠠᠵᠤ ᠠᠬᠤᠶ ᠵᠢᠨ ᠠᠵᠢᠯ᠎ᠤᠨ ᠬᠤᠷᠠᠯ᠎ᠠᠴᠠ ᠳᠤᠷᠠᠳᠤᠭᠰᠠᠨ 2016 ᠣᠨ᠎ᠤ ᠭᠣᠣᠯ ᠬᠠᠷᠠᠯᠲᠠ ᠪᠣᠯ᠄ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠨᠭᠭᠡᠢ ᠤᠢ᠍ᠷᠳᠡᠭ᠎ᠢ 8%᠎ᠪᠠᠷ ᠨᠡᠮᠡᠭᠳᠡᠭᠦᠯᠵᠤ᠂ ᠡ᠊ᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠣᠷᠣᠯᠭ᠎ᠠ ᠵᠢ 6.5%᠎ᠪᠠᠷ ᠨᠡᠮᠡᠭᠳᠡᠭᠦᠯᠵᠤ᠂ ᠬᠢᠵᠠᠭ᠋ᠠᠷᠲᠤ ᠲᠣᠭ᠋ᠠᠨ᠎ᠠᠴᠠ ᠳᠡᠭᠡᠭᠰᠢᠬᠢ ᠲᠣᠭᠲᠠᠮᠠᠯ ᠬᠥᠷᠥᠨᠭᠭᠡ ᠵᠢᠨ ᠪᠡᠯᠡ ᠣᠷᠣᠭᠤᠯᠤᠯᠲᠠ ᠵᠢ 13%᠎ᠪᠠᠷ ᠨᠡᠮᠡᠭᠳᠡᠭᠦᠯᠵᠤ᠂ ᠨᠡᠶ᠋ᠢᠭᠡᠮ᠎ᠤᠨ ᠬᠡᠷᠡᠭᠯᠡᠭᠡᠨ᠎ᠤ ᠵᠢᠵᠢᠭᠯᠡᠨ ᠬᠤᠳᠠᠯᠳᠤᠬᠤ ᠪᠦᠬᠦ ᠲᠣᠭ᠎ᠠ ᠵᠢ 9%᠎ᠪᠠᠷ ᠨᠡᠮᠡᠭᠳᠡᠭᠦᠯᠵᠤ᠂ ᠬᠤᠳᠠ ᠬᠥᠳᠡᠭᠡ ᠵᠢᠨ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠪᠦᠷᠢ ᠵᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠵᠢ ᠲᠤᠰ ᠲᠤᠰ 9% ᠪᠠ 10%᠎ᠪᠠᠷ ᠨᠡᠮᠡᠭᠳᠡᠭᠦᠯᠬᠦ ᠪᠤᠯᠤᠨ᠎ᠠ᠃
      ᠬᠥᠲᠥᠯᠥᠭᠴᠢ᠄
      ᠡᠨᠡ ᠵᠢᠯ᠎ᠤᠨ ᠳᠤᠷᠠᠳᠤᠭᠰᠠᠨ ᠬᠠᠷᠠᠯᠲᠠ᠎ᠠᠴᠠ ᠣᠯᠵᠤ ᠮᠡᠳᠡᠭᠦᠰᠢᠲᠠᠢ᠎ᠨᠢ᠂ ᠲᠦᠩᠯᠢᠶᠣᠤ ᠬᠣᠲᠠ ᠠᠵᠤ ᠠᠬᠤᠶ ᠵᠢᠨ ᠲᠣᠭᠲᠠᠭᠤᠨ ᠨᠡᠮᠡᠭᠳᠡᠯ᠎ᠢ ᠪᠠᠲᠤᠯᠠᠬᠤ᠎ᠳᠤ ᠢᠲᠡᠭᠡᠯ ᠳᠦᠭᠦᠷᠡᠩ ᠪᠠᠢ᠌ᠨ᠎ᠠ᠂ ᠬᠥᠷᠰᠢ ᠵᠡᠷᠭᠡᠯᠡᠳᠡᠭᠡ ᠵᠡᠭᠦᠨ ᠬᠣᠶ᠋ᠢᠲᠤ ᠣᠷᠣᠨ᠎ᠤ ᠭᠤᠷᠪᠠᠨ ᠮᠤᠵᠢ ᠵᠢᠨ ᠠᠵᠤ ᠠᠬᠤᠶ ᠵᠢᠨ ᠨᠡᠮᠡᠭᠳᠡᠯ ᠡᠭᠴᠡ ᠭᠠᠨᠭ᠌ᠭ᠎ᠠ ᠮᠡᠲᠤ ᠤᠷᠤᠭᠤᠲᠤᠵᠤ ᠪᠠᠢ᠌ᠭ᠎ᠠ ᠠᠬᠤᠶ ᠪᠠᠶ᠋ᠢᠳᠠᠯ᠎ᠤᠨ ᠳᠣᠣᠷ᠎ᠠ᠂ ᠬᠢᠵᠠᠭ᠋ᠠᠷᠲᠤ ᠲᠣᠭ᠋ᠠᠨ᠎ᠠᠴᠠ ᠳᠡᠭᠡᠭᠰᠢᠬᠢ ᠲᠣᠭᠲᠠᠮᠠᠯ ᠬᠥᠷᠥᠨᠭᠭᠡ ᠵᠢᠨ ᠪᠡᠯᠡ ᠣᠷᠣᠭᠤᠯᠤᠯᠲᠠ ᠵᠢ 13%᠎ᠪᠠᠷ ᠨᠡᠮᠡᠭᠳᠡᠭᠦᠯᠦᠨ᠎ᠡ ᠬᠡᠵᠤ ᠳᠤᠷᠠᠳᠪᠠ᠂ ᠪᠢᠳᠡ ᠶᠠᠮᠠᠷ ᠠᠷᠭ᠎ᠠ ᠬᠡᠮᠵᠢᠶ᠎ᠡ ᠠᠪᠤᠪᠠᠯ ᠡ᠊ᠨᠡ ᠬᠦ᠌ ᠬᠠᠷᠠᠯᠲᠠ ᠵᠢ ᠪᠡᠶᠡᠯᠡᠬᠦᠯᠵᠤ ᠴᠢᠳᠠᠬᠤ ᠪᠤᠢ?
      ᠯᠢᠤ ᠯᠠᠨ ᠶᠢᠨᠭ᠄
      ᠶᠡᠷᠦᠩᠬᠡᠶ᠎ᠳᠤᠨᠢ ᠠᠪᠴᠤ ᠦᠵᠡᠪᠡᠯ᠂ 2016 ᠣᠨ᠎ᠳᠤ ᠠᠵᠠ ᠲᠣᠬᠢᠶᠠᠯ ᠪᠤᠯᠤᠨ ᠥᠷᠢᠰᠥᠯᠳᠦᠭᠡᠨ ᠵᠡᠷᠭᠡᠴᠡᠨ ᠣᠷᠣᠰᠢᠵᠤ᠂ ᠠᠵᠠ ᠲᠣᠬᠢᠶᠠᠯ᠎ᠨᠢ ᠥᠷᠢᠰᠥᠯᠳᠦᠭᠡᠨ᠎ᠠᠴᠠ ᠶᠡᠬᠡ ᠪᠠᠢ᠌ᠵᠤ᠂ ᠮᠥᠨ ᠬᠦ᠌ ᠶᠡᠬᠡ ᠦᠢ᠍ᠯᠡᠰ ᠪᠦᠲᠦᠭᠡᠵᠦ ᠪᠣᠯᠬᠤ ᠨᠢᠭᠡ ᠵᠢᠯ ᠮᠥᠨ᠃ ᠪᠢᠳᠡ ᠬᠤᠳᠠ ᠵᠢᠨ ᠨᠠᠮ᠎ᠤᠨ ᠬᠤᠷᠢᠶ᠎ᠠ ᠵᠠᠰᠠᠭ᠎ᠤᠨ ᠣᠷᠳᠣᠨ᠎ᠤ ᠵᠥᠪ ᠤᠳᠤᠷᠢᠳᠤᠯᠭ᠎ᠠ ᠳᠣᠣᠷ᠎ᠠ᠂ ᠬᠥᠭᠵᠢᠯᠲᠡ ᠵᠢᠨ ᠢᠲᠡᠭᠡᠯ ᠵᠤᠷᠢᠭ ᠵᠶ᠋ᠠᠨ ᠭᠤᠢ᠌ᠪᠢᠰᠢ ᠦᠭᠡᠢ ᠪᠤᠯᠭ᠋ᠠᠵᠤ᠂ ᠬᠤᠳᠠ ᠵᠢᠨ ᠠᠵᠤ ᠠᠬᠤᠶ ᠵᠢᠨ ᠠᠵᠢᠯ᠎ᠤᠨ ᠬᠤᠷᠠᠯ ᠵᠢᠴᠢ ᠬᠤᠳᠠ ᠵᠢᠨ ᠠᠵᠢᠯ᠎ᠤᠨ ᠬᠤᠷᠠᠯ ᠪᠠ ᠬᠣᠲᠠ ᠵᠢᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠳᠥᠷᠪᠡᠳᠦᠭᠡᠷ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ᠂ ᠸᠠᠩ ᠵᠢᠶᠦ᠋ᠨ ᠱᠦᠵᠢ ᠵᠢᠴᠢ ᠲᠦᠩᠯᠢᠶᠣᠤ ᠬᠣᠲᠠ ᠵᠢᠨ ᠨᠠᠮ᠎ᠤᠨ ᠬᠤᠷᠢᠶ᠎ᠠ ᠵᠢᠨ ᠯᠦᠸᠸ ᠶᠦᠩ ᠭᠠᠨᠭ᠌ ᠱᠦᠵᠢ ᠵᠢᠨ 《ᠰᠢᠨ᠎ᠡ ᠬᠡᠪ ᠪᠠᠶ᠋ᠢᠳᠠᠯ᠎ᠢ ᠬᠡᠷᠬᠢᠨ ᠦᠵᠡᠵᠤ᠂ ᠰᠢᠨ᠎ᠡ ᠬᠡᠪ ᠪᠠᠶ᠋ᠢᠳᠠᠯ ᠳᠣᠣᠷ᠎ᠠ ᠶᠠᠭ᠋ᠠᠬᠢᠵᠤ ᠬᠢᠬᠦ》 ᠲᠤᠬᠠᠶ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠣᠶ᠋ᠢᠯᠠᠭ᠋ᠠᠵᠤ᠂ ᠲᠠᠪᠤᠨ ᠶᠡᠬᠡ ᠬᠥᠭᠵᠢᠯᠲᠡ ᠵᠢᠨ ᠤᠨᠤᠯᠵᠢᠬᠤᠨ᠎ᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠡᠯ᠎ᠡ ᠭᠣᠭᠴᠣᠭ᠋ᠠᠨ᠎ᠳᠤ ᠲᠤᠤᠱᠯᠠᠭᠤᠯᠵᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢᠨ ᠲᠤᠭᠤᠷᠢᠨ᠎ᠳᠤ ᠪᠦᠲᠦᠮᠵᠢᠲᠡᠶ ᠪᠡᠯᠡ ᠣᠷᠣᠭᠤᠯᠤᠯᠲᠠ ᠵᠢᠨ ᠬᠡᠷᠡᠭᠴᠡᠭᠡ ᠵᠢ ᠲᠠᠰᠤᠷᠠᠯᠲᠠ ᠦᠭᠡᠢ ᠦᠷᠭᠡᠳᠭᠡᠬᠦ᠎ᠳᠤ᠂ ᠭᠣᠣᠯᠳᠠᠭᠤ ᠳᠣᠣᠷᠠᠬᠢ ᠲᠠᠪᠤᠨ ᠲᠠᠯ᠎ᠠ᠎ᠪᠠᠷ ᠰᠢᠪᠲᠤᠯᠬᠤ ᠬᠡᠷᠡᠭᠲᠠᠢ᠄ ᠨᠢᠭᠡ᠎ᠳᠤ ᠠᠵᠢᠯ ᠡᠬᠢᠯᠡᠬᠦ ᠲᠥᠷᠥᠯ ᠵᠦᠢ᠍ᠯ᠎ᠤᠨ ᠠᠬᠢᠴᠠ ᠵᠢ ᠲᠤᠪᠤᠢ᠍ᠢ᠍ᠮ᠎ᠠ ᠰᠠᠶ᠋ᠢᠲᠤᠷ ᠠᠳᠬᠤᠨ᠎ᠠ᠂ ᠬᠣᠶᠠᠷ᠎ᠲᠤ ᠴᠢᠬᠤᠯᠠ ᠶᠡᠬᠡ ᠲᠦᠷᠦᠯ ᠵᠦᠢ᠍ᠯ᠎ᠢ ᠲᠥᠯᠬᠢᠨ ᠠᠬᠢᠭᠤᠯᠬᠤ ᠡᠷᠴᠢᠮ ᠵᠶ᠋ᠠᠨ ᠤᠯᠠᠮ ᠨᠢᠭᠡ ᠠᠯᠬᠤᠮ ᠴᠢᠨᠭ᠌ᠭ᠋ᠠᠷᠠᠭᠤᠯᠤᠨ᠎ᠠ᠂ ᠭᠤᠷᠪᠠ᠎ᠳᠤ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠵᠢᠨ ᠭᠦᠢ᠍ᠴᠡᠳᠬᠡᠬᠦ ᠠᠬᠢᠴᠠ ᠵᠢ ᠲᠦᠷᠭᠡᠳᠭᠡᠨ᠎ᠡ᠂ ᠲᠦᠷᠪᠡ᠎ᠳᠤ ᠪᠥᠳᠥᠭᠡᠨ ᠪᠠᠶ᠋ᠢᠭᠤᠯᠤᠯᠲᠠ ᠵᠢᠨ ᠲᠤᠰᠬᠠᠶ ᠰᠠᠭᠤᠷᠢ ᠮᠥᠩᠭᠥ ᠵᠢ ᠤᠯᠬᠤ ᠬᠦᠴᠦᠯᠡᠴᠡ᠎ᠪᠠᠨ ᠨᠡᠮᠡᠭᠳᠡᠭᠦᠯᠦᠨ᠎ᠡ᠂ ᠲᠠᠪᠤ᠎ᠳᠤ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ ᠲᠦᠯᠬᠢᠨ ᠠᠬᠢᠭᠤᠯᠤᠨ᠎ᠠ᠃
      ᠬᠥᠲᠥᠯᠥᠭᠴᠢ᠄
      ᠯᠢᠦ ᠡᠷᠬᠢᠯᠡᠭᠴᠢ ᠡ᠂ ᠡᠨᠡ ᠵᠢᠯ᠎ᠤᠨ ᠮᠠᠨ᠎ᠤ ᠬᠤᠲᠠ ᠵᠢᠨ ᠪᠠᠷᠢᠯᠭ᠎ᠠ ᠡᠬᠢᠯᠡᠬᠥ ᠲᠥᠷᠥᠯ ᠵᠦᠢ᠍ᠯ᠎ᠳᠤ ᠶᠠᠮᠠᠷ ᠶᠠᠮᠠᠷ ᠵᠦᠢ᠍ᠯ ᠪᠠᠢ᠌ᠬᠤ ᠪᠤᠢ?
      ᠯᠢᠦ ᠯᠠᠨ ᠶᠢᠨᠭ᠄
      ᠡᠨᠡ ᠵᠢᠯ ᠪᠢᠳᠡ ᠪᠡᠯᠡ ᠣᠷᠣᠭᠤᠯᠤᠯᠲᠠ ᠵᠢᠨ ᠪᠥᠲᠥᠮᠵᠢᠲᠦ ᠴᠢᠨᠠᠷ᠎ᠢ ᠨᠡᠩ ᠴᠢᠬᠤᠯᠠᠴᠢᠯᠠᠵᠤ᠂ ᠳᠤᠲᠠᠭᠤᠳᠠᠯ ᠵᠶ᠋ᠠᠨ ᠨᠥᠬᠦᠪᠦᠷᠢᠯᠡᠬᠥ ᠵᠢ ᠴᠢᠨᠭᠭ᠎ᠠ ᠠᠳᠬᠤᠵᠤ᠂ ᠵᠢᠷᠭᠤᠭ᠋ᠠᠨ ᠶᠡᠬᠡ ᠠᠵᠤ ᠦᠢ᠍ᠯᠡᠰ᠎ᠤᠨ ᠰᠠᠭᠤᠷᠢᠨ ᠭᠠᠵᠠᠷ᠂ ᠬᠤᠳᠠ ᠬᠥᠳᠡᠭᠡ ᠵᠢᠨ ᠰᠠᠭᠤᠷᠢ ᠪᠡᠯᠡᠳᠬᠡᠮᠵᠢ᠂ 《ᠠᠷᠪᠠ ᠵᠢ ᠪᠦᠷᠢᠨ ᠪᠥᠷᠭᠦᠭᠦᠯᠬᠦ》 ᠢᠨᠵᠧᠨᠧᠷᠢᠩ᠂ ᠶᠠᠳᠠᠭᠤ ᠵᠢ ᠲᠡᠳᠬᠦᠬᠦ ᠰᠢᠪᠲᠦᠯᠦᠯᠲᠡ᠂ ᠠᠮᠢ ᠠᠬᠤᠶ ᠵᠢᠨ ᠬᠠᠮᠠᠭ᠋ᠠᠯᠠᠯᠲᠠ ᠪᠣᠯᠣᠨ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ᠂ ᠨᠡᠶ᠋ᠢᠭᠡᠮ᠎ᠤᠨ ᠠᠵᠢᠯ ᠦᠢ᠍ᠯᠡᠰ ᠵᠡᠷᠭᠡ ᠬᠦᠷᠢᠶᠡᠨ᠎ᠳᠤ ᠪᠡᠯᠡ ᠣᠷᠣᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠪᠦᠲᠦᠮᠵᠢᠲᠡᠶ ᠬᠠᠩᠭ᠋ᠠᠯᠭ᠎ᠠ ᠵᠢ ᠨᠡᠮᠡᠭᠳᠡᠭᠦᠯᠦᠨ᠂ ᠰᠢᠨ᠎ᠡ ᠬᠥᠳᠡᠯᠭᠡᠬᠦ ᠬᠦᠴᠦᠨ᠎ᠢ ᠪᠣᠢ᠌ᠵᠢᠭᠤᠯᠬᠤ ᠪᠣᠯᠣᠨ᠎ᠠ᠃ 2016 ᠣᠨ᠎ᠤ ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠲᠣᠭᠲᠠᠭᠰᠠᠨ ᠪᠥᠲᠦᠭᠡᠨ ᠪᠠᠢ᠌ᠭᠤᠯᠤᠯᠲᠠ ᠵᠢᠨ 128 ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠠᠵᠢᠯ ᠡᠬᠢᠯᠡᠬᠦ ᠵᠢ ᠦᠨᠡᠨ ᠬᠦ᠌ ᠪᠠᠲᠤᠯᠠᠵᠤ᠂ 437 ᠳ᠋ᠥᠨᠭᠰᠢᠭᠤᠷ ᠲᠥᠭᠥᠷᠢᠭ᠎ᠤᠨ ᠪᠡᠯᠡ ᠣᠷᠤᠭᠤᠯᠬᠤ᠎ᠪᠠᠷ ᠲᠥᠯᠥᠪᠯᠡᠵᠦ ᠪᠣᠢ᠂ ᠡᠭᠦᠨ᠎ᠳᠤ ᠦᠷᠭᠦᠯᠵᠢᠯᠡᠨ ᠪᠠᠶ᠋ᠢᠭᠤᠯᠬᠤ ᠲᠥᠷᠥᠯ ᠵᠦᠢ᠍ᠯ 81 ᠪᠠᠢ᠌ᠵᠤ᠂ ᠰᠢᠨ᠎ᠡ᠎ᠪᠠᠷ ᠠᠵᠢᠯ ᠡᠬᠢᠯᠡᠭᠦᠯᠬᠦ ᠲᠥᠷᠥᠯ ᠵᠦᠢ᠍ᠯ 47 ᠪᠠᠢ᠌ᠨ᠎ᠠ᠃ ᠥᠪᠡᠷᠲᠡᠭᠡᠨ ᠵᠠᠰᠠᠬᠤ ᠣᠷᠣᠨ᠎ᠤ ᠲᠣᠬᠢᠷᠠᠭᠤᠯᠤᠭᠰᠠᠨ 35 ᠴᠢᠬᠤᠯᠠ ᠶᠡᠬᠡ ᠲᠥᠷᠥᠯ ᠵᠦᠢ᠍ᠯ᠎ᠢ ᠪᠣᠳᠣᠵᠣ ᠣᠷᠤᠭᠤᠯᠪᠠᠯ᠂ ᠨᠡᠢ᠌ᠲᠡ 1179 ᠳ᠋ᠥᠨᠭᠰᠢᠭᠤᠷ ᠲᠥᠭᠥᠷᠢᠭ᠎ᠤᠨ ᠪᠡᠯᠡ ᠣᠷᠤᠭᠤᠯᠵᠤ᠂ 2016 ᠣᠨ᠎ᠳᠤ 240 ᠳ᠋ᠦᠩᠰᠢᠭᠤᠷ ᠲᠥᠭᠥᠷᠢᠭ᠎ᠤᠨ ᠪᠡᠯᠡ ᠣᠷᠤᠭᠤᠯᠬᠤ᠎ᠪᠠᠷ ᠲᠥᠯᠥᠪᠯᠡᠭᠰᠡᠨ ᠪᠠᠢ᠌ᠨ᠎ᠠ᠃ ᠬᠣᠲᠠ᠎ᠠᠴᠠ ᠲᠣᠬᠢᠷᠠᠭᠤᠯᠤᠭᠰᠠᠨ ᠴᠢᠬᠤᠯᠠ ᠶᠡᠬᠡ ᠲᠥᠷᠥᠯ ᠵᠦᠢ᠍ᠯ 45 ᠪᠠᠢ᠌ᠵᠤ᠂ ᠨᠡᠢ᠌ᠲᠡ 424.5 ᠳ᠋ᠥᠨᠭᠰᠢᠭᠤᠷ ᠲᠥᠭᠥᠷᠢᠭ᠎ᠤᠨ ᠪᠡᠯᠡ ᠣᠷᠤᠭᠤᠯᠵᠤ᠂ 2016 ᠣᠨ᠎ᠳᠤ 99.6 ᠳ᠋ᠥᠨᠭᠰᠢᠭᠤᠷ ᠲᠥᠭᠥᠷᠢᠭ᠎ᠤᠨ ᠪᠡᠯᠡ ᠣᠷᠤᠭᠤᠯᠬᠤ᠎ᠪᠠᠷ ᠲᠥᠯᠥᠪᠯᠡᠵᠦ ᠪᠣᠢ᠃
      ᠯᠢᠦ ᠯᠠᠨ ᠶᠢᠨᠭ᠄
      ᠥᠪᠡᠷᠲᠡᠭᠡᠨ ᠵᠠᠰᠠᠬᠤ ᠣᠷᠣᠨ᠎ᠤ ᠳᠠᠯᠠᠨ ᠵᠢᠯ᠎ᠤᠨ ᠤᠢ ᠵᠢ ᠦᠪᠡᠳᠡᠭᠰᠢ ᠶᠡᠬᠡᠪᠡᠷ ᠪᠡᠯᠭᠡᠯᠡᠬᠥ᠎ᠳᠤ ᠵᠣᠷᠢᠭᠤᠯᠤᠭᠰᠠᠨ 11 ᠶᠡᠬᠡ ᠲᠥᠷᠥᠯ᠎ᠤᠨ 119 ᠵᠦᠢ᠍ᠯ᠎ᠳᠤ᠂ 2400 ᠳ᠋ᠥᠨᠭᠰᠢᠭᠤᠷ ᠲᠥᠭᠥᠷᠢᠭ᠎ᠤᠨ ᠪᠡᠯᠡ ᠣᠷᠤᠭᠤᠯᠵᠤ᠂ 2016 ᠣᠨ᠎ᠳᠤ 437.9 ᠳ᠋ᠥᠨᠭᠰᠢᠭᠤᠷ ᠲᠥᠭᠥᠷᠢᠭ᠎ᠤᠨ ᠪᠡᠯᠡ ᠣᠷᠤᠭᠤᠯᠬᠤ᠎ᠪᠠᠷ ᠳᠡᠭᠡᠭᠰᠢ ᠮᠡᠳᠡᠭᠦᠯᠪᠡ᠂ ᠡᠭᠦᠨ᠎ᠳᠤ ᠭᠣᠣᠯᠳᠠᠭᠤ ᠬᠥᠩᠭᠡᠨ ᠴᠠᠭ᠋ᠠᠨ᠎ᠤ ᠰᠢᠨ᠎ᠡ ᠮᠠᠲ᠋ᠧᠷᠢᠶᠠᠯ ᠵᠡᠷᠭᠡ ᠥᠩᠭᠡᠲᠦ ᠲᠡᠮᠦᠷᠯᠢᠭ᠎ᠤᠨ ᠠᠵᠤ ᠦᠢ᠍ᠯᠡᠰ᠎ᠤᠨ 12 ᠰᠠᠭᠤᠷᠢᠨ ᠭᠠᠵᠠᠷ᠎ᠤᠨ ᠪᠥᠳᠥᠭᠡᠨ ᠪᠠᠶ᠋ᠢᠭᠤᠯᠤᠯᠲᠠ ᠵᠢᠨ ᠢᠨᠵᠸᠨ᠋ᠸᠷᠢᠨᠭ᠂ ᠠᠷᠢᠭᠤᠨ ᠴᠡᠪᠡᠷ ᠡᠨᠧᠷᠭᠢ ᠵᠢᠨ ᠰᠤᠷᠪᠤᠯᠵᠢ ᠵᠢ ᠭᠠᠳᠠᠭᠰᠢ ᠭᠠᠷᠭ᠋ᠠᠬᠤ 15 ᠰᠠᠭᠤᠷᠢᠨ ᠭᠠᠵᠠᠷ᠎ᠤᠨ ᠪᠥᠳᠥᠭᠡᠨ ᠪᠠᠶ᠋ᠢᠭᠤᠯᠤᠯᠲᠠ ᠵᠢᠨ ᠢᠨᠵᠧᠨᠧᠷᠢᠩ᠂ ᠡᠷᠳᠡᠨᠢ ᠰᠢᠰᠢ ᠵᠢᠨ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠦᠢ᠍ᠯᠡᠰ᠎ᠤᠨ 5 ᠰᠠᠭᠤᠷᠢᠨ ᠭᠠᠵᠠᠷ᠎ᠤᠨ ᠪᠥᠳᠥᠭᠡᠨ ᠪᠠᠶ᠋ᠢᠭᠤᠯᠤᠯᠲᠠ ᠵᠢᠨ ᠢᠨᠵᠧᠨᠧᠷᠢᠩ᠂ ᠪᠣᠬᠢᠷᠳᠤᠯ ᠦᠭᠡᠢ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭ᠋ᠠᠬᠤ 9 ᠰᠠᠭᠤᠷᠢᠨ ᠭᠠᠵᠠᠷ᠎ᠤᠨ ᠪᠥᠳᠥᠭᠡᠨ ᠪᠠᠶ᠋ᠢᠭᠤᠯᠤᠯᠲᠠ ᠵᠢᠨ ᠢᠨᠵᠧᠨᠧᠷᠢᠩ᠂ ᠮᠣᠩᠭᠣᠯ ᠡᠮ ᠡᠮᠨᠡᠯᠭᠡ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠦᠢ᠍ᠯᠡᠳᠪᠦᠷᠢᠯᠡᠯ᠎ᠤᠨ 6 ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠂ ᠥᠪᠡᠷ᠎ᠤᠨ ᠮᠠᠰᠢᠨ ᠵᠶ᠋ᠠᠷ ᠵᠶ᠋ᠠᠨ ᠵᠢᠭᠤᠯᠴᠢᠯᠠᠬᠤ 4 ᠰᠠᠭᠤᠷᠢᠨ ᠭᠠᠵᠠᠷ᠎ᠤᠨ ᠪᠥᠳᠥᠭᠡᠨ ᠪᠠᠶ᠋ᠢᠭᠤᠯᠤᠯᠲᠠ ᠵᠢᠨ ᠢᠨᠵᠧᠨᠧᠷᠢᠩ᠂   ᠣᠷᠣᠨ ᠨᠤᠲᠤᠭ᠎ᠤᠨ ᠤᠳᠤ ᠦᠶ᠎ᠡ ᠵᠢᠨ ᠶᠡᠷᠦᠩᠬᠡᠶ᠋ᠢᠯᠡᠭᠰᠡᠨ ᠭᠣᠣᠯ ᠬᠤᠳᠠ ᠵᠢᠨ ᠪᠦᠳᠦᠭᠡᠨ ᠪᠠᠶ᠋ᠢᠭᠤᠯᠤᠯᠲᠠ ᠵᠢᠨ 33 ᠢᠨᠵᠧᠨᠧᠷᠢᠩ᠂ ᠠᠮᠢ ᠠᠬᠤᠶ ᠵᠢᠨ ᠪᠦᠳᠦᠭᠡᠨ ᠪᠠᠶ᠋ᠢᠭᠤᠯᠤᠯᠲᠠ ᠵᠢᠨ 4 ᠢᠨᠵᠧᠨᠧᠷᠢᠩ᠂ ᠨᠡᠶ᠋ᠢᠭᠡᠮ᠎ᠤᠨ ᠠᠷᠠᠳ᠎ᠤᠨ ᠠᠮᠢᠳᠤᠷᠠᠯ᠎ᠤᠨ 29 ᠭᠣᠣᠯᠳᠠᠯᠭ᠎ᠠ᠎ᠲᠠᠢ ᠢᠨᠵᠧᠨᠧᠷᠢᠩ ᠵᠢᠴᠢ ᠮᠠᠯᠵᠢᠬᠤ ᠲᠠᠷᠢᠶᠠᠯᠠᠬᠤ ᠣᠷᠣᠨ᠎ᠤ 《ᠠᠷᠪᠠ ᠵᠢ ᠪᠦᠷᠢᠨ ᠪᠦᠷᠭᠦᠭᠦᠯᠬᠦ》 ᠢᠨᠵᠧᠨᠧᠷᠢᠩ᠂ ᠶᠠᠳᠠᠭᠤ᠎ᠠᠴᠠ ᠠᠩᠭᠢᠵᠢᠷᠠᠭᠤᠯᠬᠤ ᠰᠢᠪᠲᠦᠯᠦᠯᠲᠡ ᠵᠢᠨ ᠢᠨᠵᠧᠨᠧᠷᠢᠩ ᠵᠡᠷᠭᠡ ᠵᠢ ᠪᠠᠭᠲᠠᠭ᠋ᠠᠨ᠎ᠠ᠃
      ᠯᠢᠦ ᠯᠠᠨ ᠶᠢᠨᠭ᠄
      ᠵᠢᠯ᠎ᠤᠨ ᠳᠣᠲᠣᠷ᠎ᠠ ᠪᠦᠳᠦᠭᠡᠨ ᠪᠠᠢ᠌ᠭᠤᠯᠬᠤ᠎ᠪᠠᠷ ᠪᠠᠢ᠌ᠭ᠎ᠠ ᠭᠣᠣᠯᠳᠠᠯᠭ᠎ᠠ᠎ᠲᠠᠢ ᠲᠥᠷᠥᠯ ᠵᠦᠢ᠍ᠯ᠎ᠳᠤ᠄ ᠴᠢᠬᠤᠯᠠ ᠶᠡᠬᠡ ᠰᠠᠭᠤᠷᠢ ᠪᠡᠯᠡᠳᠬᠡᠮᠵᠢ ᠵᠢᠨ ᠪᠦᠳᠦᠭᠡᠨ ᠪᠠᠶ᠋ᠢᠭᠤᠯᠤᠯᠲᠠ ᠵᠢᠨ ᠲᠠᠯ᠎ᠠ᠎ᠪᠠᠷ᠂ ᠲᠦᠩᠯᠢᠶᠣᠤ᠎ᠠᠴᠠ ᠪᠡᠭᠡᠵᠢᠩ ᠮᠦᠭᠳᠡᠨ ᠬᠦᠷᠬᠦ ᠳᠡᠭᠡᠳᠦ ᠬᠤᠷᠳᠤᠴᠠᠲᠤ ᠲᠡᠮᠦᠷ ᠵᠠᠮ᠎ᠤᠨ ᠰᠢᠨ ᠮᠢᠨ ᠬᠣᠶ᠋ᠢᠲᠤ ᠲᠡᠮᠦᠷ ᠵᠠᠮ᠎ᠤᠨ ᠪᠠᠷᠢᠯᠭ᠎ᠠ ᠵᠢ ᠡᠬᠢᠯᠡᠭᠦᠯᠦᠨ᠂ ᠲᠦᠩᠯᠢᠶᠣᠤ᠎ᠠᠴᠠ ᠳ᠋ᠠᠯᠢᠶᠠᠨ ᠬᠦᠷᠬᠥ᠂ ᠲᠦᠩᠯᠢᠶᠣᠤ᠎ᠠᠴᠠ ᠬᠤᠤᠯᠢᠨ ᠭᠣᠣᠯ ᠬᠦᠷᠬᠥ᠂ ᠲᠦᠩᠯᠢᠶᠣᠤ᠎ᠠᠴᠠ ᠰᠾᠢ ᠫᠢᠨᠭ ᠬᠦᠷᠬᠥ ᠲᠡᠮᠥᠷ ᠵᠠᠮ᠎ᠤᠨ ᠴᠠᠬᠢᠯᠭ᠋ᠠᠨᠵᠢᠭᠤᠯᠤᠯᠲᠠ ᠵᠢᠨ ᠥᠭᠡᠷᠡᠴᠢᠯᠡᠯᠲᠡ ᠵᠢ ᠪᠡᠶᠡᠯᠡᠭᠦᠯᠵᠦ᠂ ᠪᠡᠭᠡᠵᠢᠨᠭ᠎ᠠᠴᠠ ᠲᠦᠨᠭᠯᠢᠶᠤᠤ ᠬᠦᠷᠬᠥ᠂ ᠲᠦᠩᠯᠢᠶᠣᠤ᠎ᠠᠴᠠ ᠳ᠋ᠠᠴᠢᠨᠭ᠌ ᠬᠦᠷᠬᠥ᠂ ᠰᠾᠢ ᠫᠢᠨᠭ᠎ᠠᠴᠠ ᠴᠢᠴᠢᠬᠠᠷ ᠬᠦᠷᠬᠥ ᠵᠡᠷᠭᠡ 3 ᠲᠡᠮᠦᠷ ᠵᠠᠮ᠎ᠤᠨ ᠴᠠᠬᠢᠯᠭ᠋ᠠᠨᠵᠢᠭᠤᠯᠤᠯᠲᠠ ᠵᠢᠨ ᠥᠭᠡᠷᠡᠴᠢᠯᠡᠯᠲᠡ ᠵᠢᠨ ᠪᠠᠷᠢᠯᠭ᠎ᠠ ᠵᠢ ᠡᠬᠢᠯᠡᠭᠦᠯᠦᠨ᠎ᠡ᠃ ᠳ᠋ᠠᠴᠢᠨᠭ᠌᠎ᠠᠴᠠ ᠭᠤᠸᠠᠩᠵᠧᠦ ᠬᠦᠷᠬᠥ ᠲᠥᠷᠭᠡᠨ ᠬᠤᠷᠳᠤ ᠵᠢᠨ ᠵᠠᠰᠠᠮᠠᠯ ᠵᠠᠮ᠎ᠤᠨ ᠲᠠᠴᠢᠨᠲᠠᠯ᠎ᠠ᠎ᠠᠴᠠ ᠪᠠᠶ ᠵᠢᠶᠠ ᠸᠠᠨ ᠽᠢ ᠬᠦᠷᠬᠥ ᠬᠡᠰᠡᠭ᠂ ᠯᠦᠪᠧᠢ — ᠺᠠᠶ᠋ᠢᠯᠦ᠂ ᠱᠧᠪᠠᠷᠲᠦ — ᠬᠠᠭ᠎ᠤᠨ ᠰᠦᠮ᠎ᠡ ᠬᠦᠷᠬᠥ 3 ᠵᠠᠰᠠᠮᠠᠯ ᠵᠠᠮ᠎ᠤᠨ ᠪᠠᠷᠢᠯᠭ᠎ᠠ ᠵᠢ ᠡᠬᠢᠯᠡᠭᠦᠯᠦᠨ᠎ᠡ᠃ ᠲᠦᠩᠯᠢᠶᠣᠤ᠎ᠠᠴᠠ ᠯᠦᠪᠧᠢ ᠬᠦᠷᠬᠥ ᠲᠥᠷᠭᠡᠨ ᠬᠤᠷᠳᠤ ᠵᠢᠨ ᠵᠠᠰᠠᠮᠠᠯ ᠵᠠᠮ᠎ᠤᠨ ᠪᠠᠶ᠋ᠢᠭᠤᠯᠤᠯᠲᠠ ᠵᠢ ᠲᠥᠷᠭᠡᠨ ᠠᠬᠢᠭᠤᠯᠤᠨ᠎ᠠ᠃ ᠵᠠᠷᠤᠳ ᠬᠣᠰᠢᠭᠤᠨ᠎ᠤ ᠮᠣᠳᠣᠨ ᠤᠰᠤᠨ ᠴᠥᠭᠥᠷᠥᠮ᠎ᠢ ᠲᠥᠷᠭᠡᠨ ᠪᠠᠢ᠌ᠭᠤᠯᠤᠨ᠎ᠠ᠃ ᠤᠯᠤᠰ᠎ᠤᠨ ᠰᠦᠯᠵᠢᠶᠡᠨ᠎ᠤ ᠺᠣᠮᠫᠠᠨᠢ ᠵᠢ ᠬᠠᠮᠵᠢᠯᠴᠠᠨ ᠵᠠᠷᠤᠳ — ᠴᠢᠨᠭᠵᠸᠥ ±800 ᠺᠢᠯᠣᠸᠣᠯᠲ ᠥᠨᠳᠥᠷ ᠬᠦᠴᠦᠳᠡᠯᠲᠦ ᠲᠣᠭᠲᠠᠮᠠᠯ ᠭᠥᠶᠥᠳᠡᠯᠳᠦ ᠴᠠᠬᠢᠯᠭ᠋ᠠᠨ ᠬᠦᠷᠭᠡᠬᠦ ᠪᠥᠲᠦᠭᠡᠨ ᠪᠠᠶ᠋ᠢᠭᠤᠯᠤᠯᠲᠠ ᠵᠢ ᠰᠠᠢ᠌ᠲᠤᠷ ᠬᠢᠨ᠎ᠡ᠃ ᠲᠦᠩᠯᠢᠶᠣᠤ ᠵᠢᠨ ᠨᠢᠰᠬᠡᠯ᠎ᠤᠨ ᠪᠠᠭᠤᠳᠠᠯ᠎ᠤᠨ ᠨᠢᠰᠦᠯᠲᠡ ᠵᠢᠨ ᠣᠷᠣᠨ᠎ᠢ ᠥᠭᠡᠷᠡᠴᠢᠯᠡᠨ ᠥᠷᠭᠡᠳᠬᠡᠬᠦ ᠪᠠᠷᠢᠯᠭ᠎ᠠ ᠵᠢᠨ ᠠᠵᠢᠯ᠎ᠢ ᠡᠬᠢᠯᠡᠭᠦᠯᠦᠨ᠎ᠡ᠃
      ᠯᠢᠦ ᠯᠠᠨ ᠶᠢᠨᠭ᠄
      ᠠᠵᠤ ᠦᠢ᠍ᠯᠡᠳᠪᠦᠷᠢ ᠵᠢ ᠬᠥᠭᠵᠢᠭᠦᠯᠬᠦ ᠲᠠᠯ᠎ᠠ᠎ᠪᠠᠷ᠂ ᠵᠢᠨ ᠯᠢᠶᠠᠨ ᠬᠤᠶᠠᠳᠤᠭ᠋ᠠᠷ ᠬᠤᠭᠤᠴᠠᠭ᠎ᠠ ᠵᠢᠨ 2 ᠰᠠᠦᠷᠢ 66 ᠲᠥᠮᠡᠨ ᠺᠢᠯᠣᠸᠣᠯᠲ᠎ᠤᠨ ᠢᠯᠴᠢ᠎ᠪᠠᠷ ᠴᠠᠬᠢᠯᠭ᠋ᠠᠨ ᠭᠠᠷᠭ᠋ᠠᠬᠤ ᠲᠥᠷᠥᠯ ᠵᠦᠢ᠍ᠯ᠎ᠢ ᠪᠥᠲᠦᠭᠡᠨ ᠪᠠᠢ᠌ᠭᠤᠯᠵᠤ᠂ ᠴᠤᠸᠠᠨᠭ᠌ ᠶᠣᠸᠠᠨ᠎ᠤ 3 ᠰᠠᠦᠷᠢ 33 ᠲᠥᠮᠡᠨ ᠺᠢᠯᠣᠸᠣᠯᠲ᠎ᠤᠨ ᠢᠯᠴᠢ᠎ᠪᠠᠷ ᠴᠠᠬᠢᠯᠭ᠋ᠠᠨ ᠭᠠᠷᠭ᠋ᠠᠬᠤ ᠲᠥᠷᠥᠯ ᠵᠦᠢ᠍ᠯ᠂ ᠺᠠᠶ᠋ᠢᠯᠦ ᠵᠢᠨ ᠵᠠᠭᠤᠨ ᠲᠦᠮᠡᠨ ᠺᠢᠯᠣᠸᠣᠯᠲ᠎ᠤᠨ ᠳᠡᠰ᠎ᠤᠨ ᠰᠠᠯᠬᠢᠨ ᠬᠦᠴᠦᠨ᠎ᠤ ᠰᠠᠭᠤᠷᠢᠨ ᠭᠠᠵᠠᠷ᠎ᠢ ᠥᠷᠭᠦᠯᠵᠢᠯᠡᠨ ᠪᠠᠢ᠌ᠭᠤᠯᠬᠤ ᠵᠢ ᠲᠦᠯᠬᠢᠨ ᠠᠬᠢᠭᠤᠯᠵᠤ᠂ ᠨᠡᠭᠦᠷᠡᠰᠦ ᠮᠠᠯᠲᠠᠭᠰᠠᠨ᠎ᠠᠴᠠ ᠪᠤᠯᠵᠤ ᠬᠣᠳᠣᠢ᠌ᠭᠰᠠᠨ ᠣᠷᠣᠨ᠎ᠢ ᠭᠡᠷᠡᠯ ᠸᠣᠯᠲ ᠵᠶ᠋ᠠᠷ ᠵᠠᠰᠠᠬᠤ᠂ ᠭᠡᠷᠡᠯ ᠸᠣᠯᠲ ᠵᠶ᠋ᠠᠷ ᠡᠯᠡᠰᠦ ᠵᠢ ᠵᠠᠰᠠᠬᠤ ᠵᠡᠷᠭᠡ ᠲᠥᠷᠥᠯ ᠵᠦᠢ᠍ᠯ᠎ᠤᠨ ᠪᠥᠳᠥᠭᠡᠨ ᠪᠠᠶ᠋ᠢᠭᠤᠯᠤᠯᠲᠠ ᠵᠢ ᠲᠥᠷᠭᠡᠨ ᠠᠬᠢᠭᠤᠯᠤᠨ᠎ᠠ᠃ ᠵᠥᠩ ᠳ᠋ᠠ ᠬᠦᠨᠭᠭᠡᠨ ᠴᠠᠭ᠋ᠠᠨ᠎ᠤ ᠦᠢ᠍ᠯᠡᠰ᠎ᠤᠨ ᠠᠭ᠋ᠠᠷ ᠠᠶᠠᠯᠠᠯ᠎ᠤᠨ ᠳᠡᠰ᠎ᠤᠨ ᠬᠥᠨᠭᠭᠡᠨ ᠴᠠᠭ᠋ᠠᠨ᠎ᠤ ᠵᠤᠵᠠᠭ᠋ᠠᠨ ᠬᠠᠪᠲᠠᠰᠤ ᠪᠣᠯᠣᠨ ᠮᠠᠰᠢᠨ ᠲᠡᠷᠭᠡ ᠭᠠᠳᠠᠷᠯᠠᠬᠤ ᠬᠦᠨᠭᠬᠡᠨ ᠴᠠᠭ᠋ᠠᠨ᠎ᠤ ᠬᠠᠪᠲᠠᠰᠤ ᠵᠢᠨ ᠲᠥᠷᠥᠯ ᠵᠦᠢ᠍ᠯ᠂ ᠵᠢᠨ ᠯᠢᠶᠠᠨ ᠬᠥᠩᠭᠡᠨ ᠴᠠᠭ᠋ᠠᠨ᠎ᠤ ᠬᠠᠪᠲᠠᠰᠤ ᠵᠢᠨ ᠢᠯᠳᠠᠰᠤ ᠵᠢᠨ ᠲᠥᠷᠥᠯ ᠵᠦᠢ᠍ᠯ (ᠬᠣᠶᠠᠳᠤᠭ᠋ᠠᠷ ᠬᠤᠭᠤᠴᠠᠭ᠎ᠠ)᠂ ᠴᠤᠸᠠᠨᠭ᠌ ᠶᠣᠸᠠᠨ᠎ᠤ ᠬᠥᠨᠭᠭᠡᠨ ᠴᠠᠭ᠋ᠠᠨ᠎ᠤ ᠬᠠᠶ᠋ᠢᠯᠤᠰᠢ ᠵᠢᠨ ᠳᠠᠭ᠋ᠠᠭ᠋ᠠᠮᠠᠭ᠋ᠠᠢ ᠮᠠᠲ᠋ᠧᠷᠢᠶᠠᠯ᠎ᠤᠨ ᠲᠥᠷᠥᠯ ᠵᠦᠢ᠍ᠯ (ᠨᠢᠭᠡᠳᠦᠭᠡᠷ ᠬᠤᠭᠤᠴᠠᠭ᠎ᠠ)᠂ ᠯᠢᠶᠠᠨ ᠱᠧᠩ ᠬᠠᠪᠲᠠᠰᠤ ᠵᠢᠨ ᠢᠯᠳᠠᠰᠤ (ᠨᠢᠭᠡᠳᠦᠭᠡᠷ ᠬᠤᠭᠤᠴᠠᠭ᠎ᠠ) ᠵᠡᠷᠭᠡ ᠲᠥᠷᠥᠯ ᠵᠦᠢ᠍ᠯ᠎ᠢ ᠲᠦᠯᠬᠢᠨ ᠠᠬᠢᠭᠤᠯᠤᠨ᠎ᠠ᠃ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠴᠢᠳᠠᠪᠬᠢ ᠵᠢ ᠥᠷᠭᠡᠳᠬᠡᠨ ᠮᠡᠷᠭᠡᠵᠢᠯ᠎ᠢ ᠰᠠᠢ᠌ᠵᠢᠷᠠᠭᠤᠯᠬᠤ ᠲᠥᠷᠥᠯ ᠵᠦᠢ᠍ᠯ᠂ ᠮᠧᠶ ᠬᠤᠸᠠ ᠠᠮᠢᠳᠤ ᠪᠣᠳᠠᠰ᠎ᠤᠨ ᠬᠣᠶᠠᠳᠤᠭ᠋ᠠᠷ ᠬᠤᠭᠤᠴᠠᠭ᠋ᠠᠨ᠎ᠤ ᠰᠢᠪᠲᠦᠷᠲᠦ ᠬᠦᠴᠢᠯ᠎ᠤᠨ ᠦᠢ᠍ᠯᠡᠳᠬᠦᠨ᠎ᠤ ᠦᠢ᠍ᠯᠡᠳᠪᠦᠷᠢᠯᠡᠯ᠎ᠤᠨ ᠱᠤᠭᠤᠮ᠎ᠢ   ᠥᠭᠡᠷᠡᠴᠢᠯᠡᠨ ᠰᠠᠢ᠌ᠵᠢᠷᠠᠭᠤᠯᠬᠤ GMP ᠲᠥᠷᠥᠯ ᠵᠦᠢ᠍ᠯ᠎ᠢ ᠲᠥᠷᠭᠡᠨ ᠪᠠᠢ᠌ᠭᠤᠯᠤᠨ᠎ᠠ᠃ ᠪᠠᠩ ᠵᠢᠶᠧ᠂ ᠬᠣᠷᠴᠢᠨ ᠦᠬᠡᠷ᠎ᠤᠨ ᠦᠢ᠍ᠯᠡᠰ᠂ ᠮᠦ᠍ ᠡᠾᠸ ᠵᠢᠶᠠ᠂ ᠭᠦ᠋ ᠷᠦᠨ ᠮᠢᠬᠠᠨ᠎ᠤ ᠦᠢ᠍ᠯᠡᠰ ᠵᠡᠷᠭᠡ ᠪᠣᠬᠢᠷᠳᠤᠯ ᠦᠭᠡᠢ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠪᠥᠲᠦᠭᠡᠭᠳᠡᠭᠦᠨ᠎ᠤ ᠲᠥᠷᠥᠯ ᠵᠦᠢ᠍ᠯ᠎ᠢ ᠠᠬᠢᠭᠤᠯᠤᠨ᠎ᠠ᠃       ᠯᠢᠦ ᠯᠠᠨ ᠶᠢᠨᠭ᠄
      ᠬᠣᠲᠠ ᠪᠠᠯᠭ᠋ᠠᠰᠤᠨ᠎ᠤ ᠪᠦᠲᠦᠭᠡᠨ ᠪᠠᠶ᠋ᠢᠭᠤᠯᠤᠯᠲᠠ ᠵᠢᠨ ᠲᠠᠯ᠎ᠠ᠎ᠪᠠᠷ᠂ ᠬᠤᠲᠠ ᠵᠢᠨ ᠭᠣᠣᠯ ᠲᠣᠭᠣᠷᠢᠭ᠎ᠤᠨ ᠬᠣᠣᠯᠢᠨ ᠭᠣᠣᠯ ᠶᠡᠬᠡ ᠵᠡᠭᠡᠯᠢ ᠵᠢᠨ ᠵᠡᠭᠦᠨ ᠬᠡᠰᠡᠭ᠎ᠢ ᠥᠷᠭᠡᠳᠬᠡᠨ ᠥᠭᠡᠷᠡᠴᠢᠯᠡᠬᠦ᠂ ᠬᠤᠲᠠ ᠵᠢᠨ ᠭᠣᠣᠯ ᠲᠣᠭᠣᠷᠢᠭ᠎ᠤᠨ ᠤᠰᠤ ᠬᠠᠩᠭ᠋ᠠᠬᠤ ᠬᠣᠭᠣᠯᠠᠶ ᠲᠣᠣᠷ᠎ᠢ ᠥᠭᠡᠷᠡᠴᠢᠯᠡᠨ ᠥᠷᠭᠡᠳᠬᠡᠨ ᠪᠠᠶ᠋ᠢᠭᠤᠯᠬᠤ ᠵᠡᠷᠭᠡ ᠢᠨᠵᠸᠨ᠋ᠸᠷᠢᠨᠭ᠎ᠢ ᠭᠣᠣᠯᠳᠠᠯᠭ᠎ᠠ᠎ᠲᠠᠢ ᠪᠠᠢ᠌ᠭᠤᠯᠵᠤ᠂ ᠬᠤᠲᠠ ᠵᠢᠨ ᠶᠠᠪᠤᠳᠠᠯ᠎ᠤᠨ ᠵᠠᠮ᠂ ᠬᠣᠭ ᠨᠣᠪᠰᠢ ᠵᠢᠨ ᠰᠢᠢ᠍ᠳᠪᠦᠷᠢᠯᠡᠯᠲᠡ᠂ ᠤᠰᠤ ᠬᠠᠩᠭ᠋ᠠᠬᠤ᠂ ᠢᠯᠴᠢ ᠬᠠᠩᠭ᠋ᠠᠬᠤ᠂ ᠪᠣᠬᠢᠷ ᠤᠰᠤ ᠵᠢ ᠰᠢᠢ᠍ᠳᠪᠦᠷᠢᠯᠡᠬᠥ ᠵᠢᠴᠢ ᠢᠵᠢ ᠪᠦᠷᠢᠳᠦᠭᠦᠯᠬᠦ ᠬᠣᠭᠣᠯᠠᠶ ᠲᠣᠣᠷ᠎ᠤᠨ ᠪᠥᠳᠥᠭᠡᠨ ᠪᠠᠶ᠋ᠢᠭᠤᠯᠤᠯᠲᠠ ᠵᠢ ᠲᠥᠷᠭᠡᠳᠬᠡᠨ᠎ᠡ᠃ ᠠᠮᠢ ᠠᠬᠤᠶ ᠵᠢᠨ ᠪᠦᠳᠦᠭᠡᠨ ᠪᠠᠶ᠋ᠢᠭᠤᠯᠤᠯᠲᠠ ᠵᠢᠨ ᠲᠠᠯ᠎ᠠ᠎ᠪᠠᠷ᠂ ᠬᠣᠷᠴᠢᠨ᠎ᠤ 《ᠬᠣᠣᠰ ᠮᠢᠩᠭ᠋ᠠᠨ ᠲᠦᠮᠡᠨ ᠮᠦ᠍》 ᠡᠯᠡᠰᠦᠷᠬᠡᠭ ᠭᠠᠵᠠᠷ ᠪᠣᠯᠣᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠵᠢᠱ᠌ᠢᠶ᠎ᠡ ᠦᠵᠡᠭᠦᠯᠬᠦ ᠣᠷᠣᠨ᠎ᠤ ᠢᠨᠵᠸᠨ᠋ᠸᠷᠢᠨᠭ᠂ ᠤᠳᠠᠨ ᠲᠠᠯ᠎ᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠪᠦᠳᠦᠭᠡᠨ ᠪᠠᠶ᠋ᠢᠭᠤᠯᠤᠯᠲᠠ ᠵᠢ ᠭᠣᠣᠯᠳᠠᠯᠭ᠎ᠠ᠎ᠲᠠᠢ ᠲᠦᠯᠬᠢᠨ ᠠᠬᠢᠭᠤᠯᠵᠤ᠂ ᠬᠣᠷᠴᠢᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠡᠮᠦᠨ᠎ᠡ ᠲᠣᠭᠣᠷᠢᠭ᠎ᠤᠨ ᠤᠰᠤᠨ᠎ᠤ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ ᠵᠢᠴᠢ ᠬᠥᠮᠦᠨ᠎ᠤ ᠬᠦᠴᠦ᠎ᠪᠠᠷ ᠪᠠᠢ᠌ᠭᠤᠯᠬᠤ ᠨᠤᠭᠤ ᠭᠠᠵᠠᠷ᠎ᠤᠨ ᠠᠮᠢ ᠠᠬᠤᠶ ᠵᠢ ᠨᠢᠭᠡ ᠴᠤᠭᠴᠠᠵᠢᠭᠤᠯᠬᠤ ᠲᠥᠷᠥᠯ ᠵᠦᠢ᠍ᠯ᠎ᠤᠨ ᠪᠥᠳᠥᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃ ᠨᠡᠶ᠋ᠢᠭᠡᠮ᠎ᠤᠨ ᠦᠢ᠍ᠯᠡᠰ᠎ᠤᠨ ᠲᠠᠯ᠎ᠠ᠎ᠪᠠᠷ᠂ ᠬᠤᠳᠠ ᠵᠢᠨ ᠡᠮᠨᠡᠯᠭᠡ ᠵᠢᠨ ᠡᠭᠦᠳᠡᠨ ᠡᠮᠨᠡᠯᠭᠡ ᠵᠢᠨ ᠬᠡᠦᠭᠡᠳ᠎ᠤᠨ ᠰᠠᠯᠠᠭ᠋ᠠᠨ᠎ᠤ ᠶᠡᠷᠦᠩᠬᠡᠶ᠋ᠢᠯᠡᠭᠰᠡᠨ ᠠᠰᠠᠷ᠂ ᠬᠤᠳᠠ ᠵᠢᠨ ᠮᠣᠩᠭᠣᠯ ᠡᠮᠨᠡᠯᠭᠡ ᠵᠢᠨ ᠲᠥᠪ ᠡᠮᠨᠡᠯᠭᠡ ᠵᠢᠨ ᠬᠣᠷᠢᠶ᠎ᠠ᠂ ᠬᠤᠳᠠ ᠵᠢᠨ ᠨᠠᠰᠤᠲᠠᠶ᠋ᠢᠴᠤᠳ᠎ᠢ ᠠᠰᠠᠷᠠᠨ ᠬᠠᠮᠠᠭ᠋ᠠᠯᠠᠬᠤ ᠲᠥᠪ᠂ ᠮᠣᠩᠭᠣᠯ ᠬᠢᠲᠠᠳ ᠦᠨᠳᠦᠰᠦᠲᠡᠨ᠎ᠤ ᠰᠤᠷᠭ᠋ᠠᠨ ᠬᠥᠮᠦᠵᠢᠯ᠎ᠤᠨ ᠪᠠᠷᠢᠮᠵᠢᠶᠠᠵᠢᠭᠤᠯᠬᠤ ᠢᠨᠵᠧᠨᠧᠷᠢᠩ ᠵᠡᠷᠭᠡ ᠲᠥᠷᠥᠯ ᠵᠦᠢ᠍ᠯ᠎ᠤᠨ ᠪᠥᠳᠥᠭᠡᠨ ᠪᠠᠶ᠋ᠢᠭᠤᠯᠤᠯᠲᠠ ᠵᠢ ᠢᠳᠡᠪᠬᠢᠲᠡᠶ ᠲᠦᠯᠬᠢᠨ ᠠᠬᠢᠭᠤᠯᠤᠨ᠎ᠠ᠃
      ᠯᠢᠦ ᠯᠠᠨ ᠶᠢᠨᠭ᠄
      ᠬᠤᠳᠠᠯᠳᠤᠭ᠎ᠠ ᠠᠷᠠᠯᠵᠢᠶ᠎ᠠ ᠪᠠᠷᠠᠭ᠎ᠠ ᠭᠦᠢ᠍ᠯᠭᠡᠭᠡ ᠵᠢᠨ ᠲᠠᠯ᠎ᠠ᠎ᠪᠠᠷ᠂ 《ᠪᠠᠷᠠᠭ᠎ᠠ ᠭᠦᠢ᠍ᠯᠭᠡᠭᠡᠨ᠎ᠤ ᠲᠠᠪᠤᠨ ᠶᠡᠬᠡ ᠲᠠᠪᠴᠠᠩ᠎ᠤᠨ ᠪᠠᠶ᠋ᠢᠭᠤᠯᠤᠯᠲᠠ》 ᠵᠢ ᠠᠬᠢᠭᠤᠯᠵᠤ᠂ ᠸᠠᠨ ᠯᠢ ᠴᠸᠨᠭ᠂ ᠡᠦ ᠵᠸᠦ ᠣᠯᠠᠨ ᠤᠯᠤᠰ᠎ᠤᠨ ᠠᠷᠠᠯᠵᠢᠶ᠎ᠠ ᠬᠤᠳᠠᠯᠳᠤᠭ᠋ᠠᠨ᠎ᠤ ᠬᠣᠲᠠ᠂ ᠲᠦᠩᠯᠢᠶᠣᠤ ᠵᠢᠨ ᠪᠠᠷᠠᠭ᠎ᠠ ᠭᠦᠢ᠍ᠯᠭᠡᠭᠡᠨ᠎ᠤ ᠬᠦᠷᠢᠶᠡᠯᠡᠩ᠎ᠤᠨ ᠬᠥᠮᠥᠷᠭᠡᠯᠡᠨ ᠬᠠᠳᠠᠭ᠋ᠠᠯᠠᠯᠲᠠ ᠵᠢᠴᠢ ᠵᠠᠰᠠᠮᠠᠯ ᠵᠠᠮ ᠲᠡᠮᠦᠷ ᠵᠠᠮ᠎ᠤᠨ ᠬᠠᠮᠲᠤᠷᠠᠭᠰᠠᠨ ᠲᠡᠭᠡᠭᠡᠪᠦᠷᠢ᠂ ᠵᠡᠭᠦᠨ ᠬᠡᠰᠡᠭ᠎ᠤᠨ ᠨᠡᠭᠦᠷᠡᠰᠦᠨ᠎ᠤ ᠠᠷᠠᠯᠵᠢᠶᠠᠨ᠎ᠤ ᠲᠥᠪ ᠵᠡᠷᠭᠡ ᠲᠥᠷᠥᠯ ᠵᠦᠢ᠍ᠯ᠎ᠤᠨ ᠪᠥᠳᠥᠭᠡᠨ ᠪᠠᠶ᠋ᠢᠭᠤᠯᠤᠯᠲᠠ ᠵᠢ ᠭᠣᠣᠯᠳᠠᠯᠭ᠎ᠠ᠎ᠲᠠᠢ ᠠᠳᠬᠤᠨ᠎ᠠ᠃ ᠵᠢᠭᠤᠯᠴᠢᠯᠠᠯ᠎ᠤᠨ ᠲᠠᠯ᠎ᠠ᠎ᠪᠠᠷ᠂ ᠥᠪᠡᠷ᠎ᠤᠨ ᠮᠠᠰᠢᠨ ᠵᠶ᠋ᠠᠷ ᠵᠶ᠋ᠠᠨ ᠵᠢᠭᠤᠯᠴᠢᠯᠠᠬᠤ ᠬᠣᠷᠴᠢᠨ᠎ᠤ 500 ᠺᠢᠯᠣᠮᠧᠲᠷ᠎ᠤᠨ ᠰᠣᠶᠣᠯ᠎ᠤᠨ ᠦᠵᠡᠮᠵᠢᠲᠦ ᠵᠠᠮ᠎ᠤᠨ ᠦᠢ᠍ᠯᠡᠴᠢᠯᠡᠭᠡᠨ᠎ᠤ ᠰᠢᠰᠲ᠋ᠧᠮ᠎ᠢ ᠲᠦᠷᠭᠡᠨ ᠪᠠᠶ᠋ᠢᠭᠤᠯᠵᠤ᠂ 《ᠵᠡᠭᠦᠨ ᠬᠣᠶ᠋ᠢᠲᠤ ᠵᠢᠨ ᠲᠠᠯ᠎ᠠ ᠨᠤᠲᠤᠭ᠎ᠢ ᠰᠣᠨᠢᠷᠬᠠᠨ᠂ ᠥᠪᠡᠷ᠎ᠤᠨ ᠮᠠᠰᠢᠨ ᠵᠶ᠋ᠠᠷ ᠵᠶ᠋ᠠᠨ ᠲᠦᠩᠯᠢᠶᠣᠤ᠎ᠳᠤ ᠵᠢᠭᠤᠯᠴᠢᠯᠠᠬᠤ》 ᠵᠡᠷᠭᠡ ᠰᠢᠷᠢᠰ ᠲᠥᠷᠥᠯ ᠵᠦᠢ᠍ᠯ᠎ᠢ ᠪᠣᠢ᠌ᠵᠢᠭᠤᠯᠵᠤ᠂ ᠥᠪᠡᠷ᠎ᠤᠨ ᠮᠠᠰᠢᠨ ᠵᠶ᠋ᠠᠷ ᠵᠶ᠋ᠠᠨ ᠵᠢᠭᠤᠯᠴᠢᠯᠠᠬᠤ ᠪᠥᠬᠦ ᠣᠯᠣᠰ᠎ᠤᠨ ᠠᠯᠳᠠᠷᠲᠤ ᠰᠠᠭᠤᠷᠢᠨ ᠭᠠᠵᠠᠷ᠎ᠢ ᠴᠤᠭᠴᠠᠯᠠᠨ ᠪᠠᠢ᠌ᠭᠤᠯᠬᠤ ᠪᠣᠯᠣᠨ᠎ᠠ᠃ ᠯᠢᠶᠠᠨ ᠵᠥᠨᠭ᠎ᠤᠨ ᠳᠠᠯᠠᠢ ᠲᠠᠨᠭ᠌ᠬᠢᠰ᠎ᠤᠨ ᠣᠳᠣᠨ ᠵᠢᠭᠤᠯᠴᠢᠯᠠᠯ᠎ᠤᠨ ᠠᠮᠠᠷᠠᠯᠲᠠ ᠵᠢᠨ ᠲᠣᠰᠬᠣᠨ᠂ ᠲᠠᠮᠤ ᠵᠢᠨ ᠴᠠᠭ᠋ᠠᠨ ᠡᠯᠡᠰᠦᠨ ᠴᠥᠯ᠎ᠤᠨ ᠦᠵᠡᠮᠵᠢᠲᠦ ᠣᠷᠣᠨ᠂ ᠳᠤᠮᠳᠠᠳᠤ ᠤᠯᠤᠰ᠎ᠤᠨ ᠵᠡᠭᠦᠨ ᠬᠣᠶ᠋ᠢᠲᠤ ᠣᠷᠣᠨ᠎ᠤ ᠡᠯᠡᠰᠦᠨ ᠴᠥᠯ᠎ᠤᠨ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠵᠡᠷᠭᠡ ᠵᠢᠭᠤᠯᠴᠢᠯᠠᠯ᠎ᠤᠨ ᠲᠥᠷᠥᠯ ᠵᠦᠢ᠍ᠯ᠎ᠤᠨ ᠪᠥᠳᠥᠭᠡᠨ ᠪᠠᠶ᠋ᠢᠭᠤᠯᠤᠯᠲᠠ ᠵᠢ ᠭᠣᠣᠯᠳᠠᠯᠭ᠎ᠠ᠎ᠲᠠᠢ ᠰᠠᠢ᠌ᠨ ᠠᠳᠬᠤᠨ᠎ᠠ᠃  
      ᠬᠥᠲᠥᠯᠥᠭᠴᠢ᠄
      ᠡᠨᠡ ᠵᠢᠯ᠎ᠤᠨ ᠰᠢᠨ᠎ᠡ᠎ᠪᠠᠷ ᠨᠡᠮᠡᠭᠳᠡᠭᠰᠡᠨ ᠪᠡᠯᠡ ᠣᠷᠣᠭᠤᠯᠤᠯᠲᠠ ᠤᠯᠠᠰᠢᠷᠠᠵᠤ᠂ ᠶᠠᠰᠤ ᠴᠢᠨᠠᠷ ᠴᠦ᠍ ᠥᠨᠳᠥᠷ ᠱᠠᠭ᠋ᠠᠷᠳᠠᠯᠭ᠎ᠠ᠎ᠲᠠᠢ ᠪᠤᠯᠵᠠᠢ᠂ ᠪᠢᠳᠡ ᠶᠠᠮᠠᠷ ᠶᠠᠮᠠᠷ ᠪᠤᠲᠠᠲᠠᠢ ᠠᠷᠭ᠎ᠠ ᠬᠡᠮᠵᠢᠶ᠎ᠡ ᠠᠪᠴᠤ ᠡᠳᠡᠭᠡᠷ ᠲᠦᠷᠦᠯ ᠵᠦᠢ᠍ᠯ᠎ᠢ ᠬᠤᠭᠤᠴᠠᠭ᠎ᠠ ᠶᠣᠰᠣᠭ᠋ᠠᠷ ᠠᠵᠢᠯ ᠳᠠᠭᠤᠰᠬᠠᠬᠤ ᠵᠢ ᠦᠨᠡᠨ ᠬᠦ᠌ ᠪᠠᠲᠤᠯᠠᠬᠤ ᠪᠤᠢ?
      ᠯᠢᠦ ᠯᠠᠨ ᠶᠢᠩ᠄
      ᠪᠦᠬᠦ ᠵᠢᠯ᠎ᠤᠨ ᠪᠡᠯᠡ ᠣᠷᠣᠭᠤᠯᠤᠯᠲᠠ ᠵᠢᠨ ᠬᠠᠷᠠᠯᠲᠠ ᠵᠢ ᠪᠡᠶᠡᠯᠡᠭᠦᠯᠬᠦ ᠵᠢᠨ ᠲᠥᠯᠥᠭᠡ᠂ ᠪᠢᠳᠡ 《ᠡᠭᠦᠷᠭᠡ ᠵᠢ ᠲᠥᠷᠥᠯ ᠵᠥᠢ᠍ᠯᠵᠢᠬᠥᠯᠬᠥ》 ᠱᠠᠭ᠋ᠠᠷᠳᠠᠯᠭ᠎ᠠ ᠶᠣᠰᠣᠭ᠋ᠠᠷ᠂ ᠴᠢᠬᠤᠯᠠ ᠶᠡᠬᠡ ᠲᠦᠷᠦᠯ ᠵᠦᠢ᠍ᠯ ᠵᠶ᠋ᠡᠷ ᠬᠦᠴᠦᠯᠡᠬᠦ ᠴᠡᠭ ᠪᠣᠯᠭ᠋ᠠᠨ᠂᠂ ᠪᠡᠯᠡ ᠣᠷᠣᠭᠤᠯᠤᠯᠲᠠ ᠪᠠ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠤᠶᠤᠨ ᠴᠢᠳᠠᠯ ᠵᠶ᠋ᠠᠨ ᠲᠥᠪᠯᠡᠷᠡᠭᠦᠯᠦᠨ ᠰᠠᠶ᠋ᠢᠲᠤᠷ ᠠᠳᠬᠤᠵᠤ᠂ ᠭᠣᠣᠯᠳᠠᠯᠭ᠎ᠠ᠎ᠲᠠᠢ ᠲᠦᠷᠦᠯ ᠵᠦᠢ᠍ᠯ᠎ᠤᠨ ᠬᠠᠮᠢᠶᠠᠷᠤᠯᠲᠠ ᠵᠢ ᠭᠤᠤᠯᠳᠠᠭᠤ ᠭᠤᠷᠪᠠᠨ ᠲᠠᠯ᠎ᠠ᠎ᠪᠠᠷ ᠴᠢᠩᠭ᠋ᠠᠳᠬᠠᠨ᠎ᠠ᠄ ᠨᠢᠭᠡ᠎ᠳᠤ ᠭᠤᠤᠯᠳᠠᠯᠭ᠎ᠠ᠎ᠲᠠᠢ ᠲᠦᠷᠦᠯ ᠵᠦᠢ᠍ᠯ᠎ᠢ ᠲᠦᠯᠬᠢᠨ ᠠᠬᠢᠭᠤᠯᠬᠤ ᠬᠠᠷᠢᠭᠤᠴᠠᠯᠭ᠎ᠠ ᠵᠢᠨ ᠲᠦᠷᠢᠮ᠎ᠢ ᠦᠷᠭᠦᠯᠵᠢᠯᠡᠨ ᠬᠡᠷᠡᠭᠵᠢᠭᠦᠯᠵᠦ᠂ ᠡᠯ᠎ᠡ ᠱᠠᠲᠤᠨ᠎ᠤ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠡᠯ᠎ᠡ ᠱᠠᠲᠤᠨ᠎ᠤ ᠴᠠᠭ᠎ᠤᠨ ᠬᠦᠰᠦᠨᠦᠭᠲᠦ ᠵᠢ ᠲᠤᠭᠲᠠᠭ᠋ᠠᠵᠤ᠂ ᠠᠵᠢᠯ᠎ᠤᠨ ᠲᠤᠬᠢᠷᠠᠭᠤᠯᠭ᠎ᠠ᠎ᠪᠠᠨ ᠴᠢᠩᠭ᠋ᠠᠳᠬᠠᠨ᠎ᠠ᠃ ᠭᠤᠤᠯᠳᠠᠯᠭ᠎ᠠ᠎ᠲᠠᠢ ᠲᠥᠷᠥᠯ ᠵᠦᠢ᠍ᠯ᠎ᠢ ᠭᠤᠷᠪᠠᠨ ᠱᠠᠲᠤ᠎ᠪᠠᠷ ᠲᠦᠯᠬᠢᠨ ᠠᠬᠢᠭᠤᠯᠬᠤ ᠲᠥᠯᠥᠪᠯᠡᠭᠡ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠭᠠᠷᠠᠭ᠎ᠤᠨ ᠲᠤᠬᠢᠷᠠᠭᠤᠯᠭ᠎ᠠ᠂ ᠰᠠᠷ᠎ᠠ ᠵᠢᠨ ᠪᠦᠷᠢᠳᠬᠡᠯ᠂ ᠤᠯᠠᠷᠢᠯ᠎ᠤᠨ ᠵᠠᠳᠠᠯᠤᠯᠲᠠ᠂ ᠬᠠᠭ᠋ᠠᠰ ᠵᠢᠯ᠎ᠤᠨ ᠪᠠᠭ᠎ᠠ ᠳ᠋ᠦᠩᠨᠡᠯᠲᠡ᠂ ᠪᠦᠬᠦ ᠵᠢᠯ᠎ᠤᠨ ᠳ᠋ᠦᠩᠨᠡᠯᠲᠡ ᠵᠢᠨ ᠠᠵᠢᠯ᠎ᠤᠨ ᠲᠣᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠭᠤᠤᠯᠳᠠᠯᠭ᠎ᠠ᠎ᠲᠠᠢ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠠᠬᠢᠴᠠ ᠵᠢ ᠪᠦᠬᠦ ᠲᠠᠯ᠎ᠠ᠎ᠪᠠᠷ ᠡᠵᠡᠮᠰᠢᠵᠦ᠂ ᠭᠤᠤᠯᠳᠠᠯᠭ᠎ᠠ᠎ᠲᠠᠢ ᠲᠥᠷᠥᠯ ᠵᠦᠢ᠍ᠯ᠎ᠤᠨ ᠪᠠᠶ᠋ᠢᠳᠠᠯ᠎ᠢ ᠵᠠᠳᠠᠯᠵᠤ᠂ ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠲᠥᠷᠥᠯ ᠵᠦᠢ᠍ᠯ᠎ᠤᠨ ᠳᠠᠨᠭ᠌ᠰᠠ ᠡᠪᠬᠡᠮᠡᠯ ᠪᠠᠶ᠋ᠢᠭᠤᠯᠵᠤ᠂ ᠡᠭᠡ ᠳᠠᠩᠰᠠ᠎ᠪᠠᠷ ᠬᠠᠮᠢᠶᠠᠷᠬᠤ ᠵᠢ ᠬᠡᠷᠡᠭᠵᠢᠭᠦᠯᠵᠦ᠂ ᠲᠥᠷᠥᠯ ᠵᠦᠢ᠍ᠯ᠎ᠤᠨ ᠭᠠᠵᠠᠷ ᠰᠢᠷᠣᠶ᠂ ᠲᠥᠯᠥᠪᠵᠢᠭᠦᠯᠭᠡ ᠵᠡᠷᠭᠡ ᠡᠮᠦᠨᠡᠬᠢ ᠬᠤᠭᠤᠴᠠᠭ᠋ᠠᠨ᠎ᠤ ᠠᠵᠢᠯ᠎ᠤᠨ ᠠᠬᠢᠴᠠ ᠵᠢᠨ ᠪᠠᠶ᠋ᠢᠳᠠᠯ᠎ᠢ ᠴᠠᠭ ᠲᠤᠬᠠᠶ᠎ᠳᠤᠨᠢ ᠡᠵᠡᠮᠰᠢᠵᠦ᠂ ᠲᠥᠷᠥᠯ ᠵᠦᠢ᠍ᠯ᠎ᠤᠨ ᠰᠠᠭᠤᠷᠢᠰᠢᠭᠤᠯᠬᠤ᠂ ᠠᠵᠢᠯ ᠡᠬᠢᠯᠡᠭᠦᠯᠬᠦ᠂ ᠪᠠᠷᠢᠯᠭ᠎ᠠ ᠳᠠᠭᠤᠰᠬᠠᠬᠤ᠂ ᠠᠰᠢᠭᠯᠠᠯᠲᠠ᠎ᠳᠤ ᠣᠷᠣᠭᠤᠯᠬᠤ ᠵᠡᠷᠭᠡ ᠵᠠᠩᠭᠢᠯᠠᠭ᠎ᠠ ᠵᠢᠨ ᠴᠠᠭ ᠦᠶ᠎ᠡ ᠵᠢ ᠴᠢᠩᠭ᠎ᠠ ᠠᠳᠬᠤᠨ᠂ ᠭᠤᠤᠯᠳᠠᠯᠭ᠎ᠠ᠎ᠲᠠᠢ ᠲᠥᠷᠥᠯ ᠵᠦᠢ᠍ᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢ ᠪᠦᠬᠦ ᠬᠦᠴᠦ᠎ᠪᠠᠷ ᠵᠶ᠋ᠠᠨ ᠰᠠᠶ᠋ᠢᠲᠤᠷ ᠠᠳᠬᠤᠨ᠎ᠠ᠃
      ᠯᠢᠦ ᠯᠠᠨ ᠶᠢᠩ᠄
      ᠬᠣᠶᠠᠷ᠎ᠲᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠠᠵᠤ ᠠᠬᠤᠢ᠌ᠯᠠᠯ᠎ᠳᠤ ᠭᠦᠨᠵᠡᠭᠡᠢ᠌ᠷᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠎ᠳᠤ ᠣᠷᠣᠰᠢᠵᠤ ᠪᠠᠶ᠋ᠢᠭ᠎ᠠ ᠬᠦᠴᠢᠷ ᠪᠡᠷᠬᠡᠰᠢᠶᠡᠯ ᠪᠣᠯᠤᠨ ᠠᠰᠠᠭᠤᠳᠠᠯ᠎ᠢ ᠬᠠᠪᠰᠤᠷᠤᠨ ᠰᠢᠢ᠍ᠳᠪᠦᠷᠢᠯᠡᠵᠦ᠂ ᠲᠣᠭᠲᠠᠭᠤᠨ ᠵᠶ᠋ᠡᠷ ᠨᠡᠮᠡᠭᠳᠡᠭᠦᠯᠬᠦ ᠡᠯ᠎ᠡ ᠵᠦᠢ᠍ᠯ᠎ᠤᠨ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠦᠨᠡᠨ ᠬᠦ᠌ ᠪᠣᠳᠠᠲᠠᠶ ᠨᠠᠶ᠋ᠢᠳᠠᠪᠤᠷᠢᠵᠢᠭᠤᠯᠵᠤ᠂ ᠭᠤᠤᠯᠳᠠᠯᠭ᠎ᠠ᠎ᠲᠠᠢ ᠲᠦᠷᠤᠯ ᠵᠦᠢ᠍ᠯ᠎ᠤᠨ ᠤᠷᠤᠭᠰᠢᠲᠠᠶ ᠠᠬᠢᠬᠤ ᠵᠢ ᠦᠨᠡᠨ ᠬᠦ᠌ ᠪᠠᠲᠤᠯᠠᠵᠤ᠂ ᠡᠷᠲᠡ ᠦᠷ᠎ᠡ ᠪᠦᠲᠦᠭᠡᠯ ᠭᠠᠷᠭ᠋ᠠᠵᠤ᠂ ᠭᠤᠤᠯᠳᠠᠯᠭ᠎ᠠ᠎ᠲᠠᠢ ᠲᠦᠷᠦᠯ ᠵᠦᠢ᠍ᠯ᠎ᠤᠨ ᠪᠡᠯᠡ ᠣᠷᠣᠭᠤᠯᠤᠯᠲᠠ ᠵᠢᠨ ᠳᠠᠶ᠋ᠢᠴᠢᠯᠠᠬᠤ ᠦᠢ᠍ᠯᠡᠳᠦᠯ᠎ᠢ ᠪᠠᠳᠠᠷᠠᠭᠤᠯᠤᠨ᠎ᠠ᠃ ᠭᠤᠷᠪᠠ᠎ᠳᠤ ᠭᠤᠤᠯᠳᠠᠯᠭ᠎ᠠ᠎ᠲᠠᠢ ᠪᠥᠳᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠵᠠᠳᠠᠯᠤᠨ ᠲᠣᠬᠢᠷᠠᠭᠤᠯᠬᠤ᠂ ᠲᠣᠭᠣᠷᠢᠨ ᠪᠠᠶ᠋ᠢᠴᠠᠭ᠋ᠠᠬᠤ᠂ ᠤᠷᠮᠠᠰᠢᠭᠤᠯᠬᠤ ᠬᠠᠷᠢᠭᠤᠴᠠᠯᠭ᠎ᠠ   ᠨᠡᠬᠡᠮᠵᠢᠯᠡᠬᠦ ᠵᠡᠷᠭᠡ ᠲᠦᠷᠢᠮ᠎ᠤᠨ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠨᠠᠢ᠌ᠳᠠᠪᠤᠷᠢᠵᠢᠵᠤ ᠦᠷ᠎ᠡ ᠪᠦᠲᠦᠭᠡᠯ ᠤᠯᠬᠤ ᠵᠢ ᠦᠨᠡᠨ ᠬᠦ᠌ ᠪᠠᠲᠤᠯᠠᠨ᠎ᠠ᠃ ᠲᠦᠷᠪᠡ᠎ᠳᠤ ᠵᠠᠰᠠᠭ᠎ᠤᠨ ᠣᠷᠳᠣᠨ᠎ᠤ ᠪᠡᠯᠡ ᠮᠥᠩᠭᠥ ᠵᠢᠨ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠎ᠤ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠲᠦᠷᠦᠯ ᠵᠦᠢ᠍ᠯ᠎ᠳᠤ ᠬᠢᠨᠠᠨ ᠪᠠᠢ᠌ᠴᠠᠭ᠋ᠠᠯᠲᠠ ᠵᠢ ᠪᠦᠷᠢᠨ ᠪᠦᠷᠬᠦᠭᠦᠯᠬᠦ ᠵᠢ ᠪᠡᠶᠡᠯᠡᠭᠦᠯᠦᠨ᠎ᠡ᠃
      ᠬᠥᠲᠥᠯᠥᠭᠴᠢ᠄
      ᠯᠢᠦ ᠡᠷᠬᠢᠯᠡᠭᠴᠢ ᠡ᠂ ᠲᠠᠨ᠎ᠤ ᠰᠠᠶᠢ ᠵᠢᠨ ᠳᠤᠷᠠᠳᠤᠭᠰᠠᠨ ᠭᠤᠤᠯᠳᠠᠯᠭ᠎ᠠ᠎ᠲᠠᠢ ᠲᠦᠷᠦᠯ ᠵᠦᠢ᠍ᠯ᠎ᠢ ᠲᠥᠯᠬᠢᠨ ᠠᠬᠢᠭᠤᠯᠬᠤ ᠡᠷᠴᠢᠮ ᠵᠶ᠋ᠡᠨ ᠤᠯᠠᠮ ᠨᠢᠭᠡ ᠠᠯᠬᠤᠮ ᠴᠢᠩᠭ᠋ᠠᠷᠠᠭᠤᠯᠬᠤ ᠭᠡᠳᠡᠭ᠎ᠲᠤ ᠮᠠᠨ᠎ᠤ ᠬᠤᠲᠠ ᠡᠮᠦᠨᠡᠬᠢ ᠬᠤᠭᠤᠴᠠᠭ᠋ᠠᠨ᠎ᠤ ᠶᠠᠮᠠᠷ ᠶᠠᠮᠠᠷ ᠭᠤᠤᠯᠳᠠᠯᠭ᠎ᠠ᠎ᠲᠠᠢ ᠲᠥᠷᠥᠯ ᠵᠦᠢ᠍ᠯ᠎ᠢ ᠲᠦᠯᠬᠢᠨ ᠠᠬᠢᠭᠤᠯᠤᠭᠰᠠᠨ ᠪᠤᠢ?
      ᠯᠢᠦ ᠯᠠᠨ ᠶᠢᠩ᠄
      ᠭᠤᠤᠯᠳᠠᠯᠭ᠎ᠠ᠎ᠲᠠᠢ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ᠎ᠨᠢ ᠪᠡᠯᠡ ᠣᠷᠣᠭᠤᠯᠤᠯᠲᠠ ᠵᠢᠨ ᠨᠡᠮᠡᠭᠳᠡᠯ᠎ᠤᠨ ᠰᠡᠯᠭᠦᠬᠦ ᠬᠦᠴᠦᠨ᠎ᠢ ᠴᠢᠩᠭ᠋ᠠᠳᠬᠠᠬᠤ᠎ᠳᠤ ᠲᠤᠢ᠌ᠯ᠎ᠤᠨ ᠴᠢᠬᠤᠯᠠ ᠠᠴᠢ ᠬᠤᠯᠪᠤᠭᠳᠠᠯ᠎ᠲᠠᠢ ᠦᠢ᠍ᠯᠡᠳᠦᠯ ᠦᠵᠡᠭᠦᠯᠵᠦ᠂ ᠲᠦᠩᠯᠢᠶᠣᠤ ᠬᠣᠲᠠ ᠵᠢᠨ 《13·5》 ᠵᠢᠨ ᠬᠤᠭᠤᠴᠠᠭ᠋ᠠᠨ᠎ᠤ ᠠᠵᠤ ᠠᠬᠤᠶ ᠨᠡᠶ᠋ᠢᠭᠡᠮ᠎ᠤᠨ ᠬᠦᠭᠵᠢᠯᠲᠡ ᠵᠢ ᠰᠢᠭᠤᠳ ᠨᠥᠯᠥᠭᠡᠯᠡᠵᠦ ᠪᠠᠶ᠋ᠢᠳᠠᠭ᠂ ᠡᠶ᠋ᠢᠮᠦ᠎ᠠᠴᠠ᠂ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ ᠬᠢᠨᠠᠨ ᠵᠥᠪᠰᠢᠶᠡᠷᠡᠬᠦ ᠠᠬᠢᠴᠠ ᠵᠢ ᠡᠷᠬᠡᠪᠰᠢ ᠶᠡᠬᠡ᠎ᠪᠠᠷ ᠲᠦᠯᠬᠢᠨ ᠠᠬᠢᠭᠤᠯᠵᠤ᠂ ᠨᠢᠭᠡ ᠪᠦᠯᠦᠭ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠳᠠᠶ᠋ᠢᠴᠢᠯᠠᠬᠤ ᠴᠢᠳᠠᠪᠤᠷᠢ᠎ᠲᠠᠢ ᠳᠦᠷᠦᠯ ᠵᠦᠢ᠍ᠯ᠎ᠤᠳ᠎ᠢ ᠴᠢᠷᠮᠠᠢ᠌ᠵᠤ ᠪᠠᠢ᠌ᠭ᠋ᠠᠳ ᠡᠷᠲᠡᠬᠡᠨ ᠠᠵᠢᠯ ᠡᠬᠢᠯᠡᠭᠦᠯᠬᠦ ᠬᠡᠷᠡᠭᠲᠡᠢ ᠶᠤᠮ᠃ ᠲᠡᠮᠦᠷ ᠵᠠᠮ᠎ᠤᠨ ᠲᠠᠯ᠎ᠠ᠎ᠪᠠᠷ᠂ ᠲᠦᠩᠯᠢᠶᠣᠤ — ᠤᠯᠠᠭ᠋ᠠᠨᠬᠣᠲᠠ — ᠬᠠᠶ᠋ᠢᠯᠠᠷ ᠬᠦᠷᠬᠦ ᠠᠶᠠᠨᠴᠢᠳ᠎ᠤᠨ ᠲᠡᠭᠡᠭᠡᠪᠦᠷᠢ ᠵᠢᠨ ᠲᠤᠰᠬᠠᠶ ᠱᠤᠭᠤᠮ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠪᠦᠬᠦ ᠬᠦᠴᠦᠨ ᠵᠶ᠋ᠡᠷ ᠵᠶ᠋ᠡᠨ ᠬᠠᠪᠰᠤᠷᠠᠨ ᠰᠠᠶ᠋ᠢᠲᠤᠷ ᠬᠢᠵᠦ᠂ ᠬᠦᠷᠢᠶᠡᠯᠡᠩ ᠲᠣᠭᠣᠷᠢᠭ᠎ᠤᠨ ᠲᠤᠰᠬᠠᠶ ᠬᠡᠷᠡᠭᠯᠡᠭᠡᠨ᠎ᠤ ᠲᠡᠮᠦᠷ ᠵᠠᠮ᠎ᠤᠨ ᠬᠢᠨᠠᠨ ᠵᠦᠪᠰᠢᠶᠡᠷᠡᠯᠲᠡ ᠵᠢ ᠲᠦᠷᠭᠡᠳᠬᠡᠨ᠎ᠡ᠃ ᠵᠠᠰᠠᠮᠠᠯ ᠵᠠᠮ᠎ᠤᠨ ᠲᠠᠯ᠎ᠠ᠎ᠪᠠᠷ᠂ ᠮᠤᠵᠢ ᠵᠢᠨ ᠬᠤᠭᠤᠷᠤᠨᠳᠤᠬᠢ ᠵᠠᠮ᠎ᠢ ᠨᠢᠭᠡᠳᠦᠭᠡᠷ ᠳᠡᠰ᠎ᠤᠨ ᠳᠡᠭᠡᠳᠦ ᠬᠤᠷᠳᠤᠴᠠᠲᠤ ᠵᠠᠰᠠᠮᠠᠯ ᠵᠠᠮ ᠪᠤᠯᠭ᠋ᠠᠬᠤ ᠦᠭᠡᠷᠴᠢᠯᠡᠯᠲᠡ᠂ ᠳ᠋ᠠᠯᠢᠨ — ᠺᠠᠩ ᠫᠢᠩ᠂ ᠪᠣᠣ ᠯᠤᠩ ᠱᠠᠨ — ᠲᠦᠩ ᠢᠦᠢ᠂ ᠵᠢᠨ ᠪᠦᠦ ᠳᠦᠨ — ᠭᠠᠨᠵᠤᠭ᠎ᠠ ᠬᠦᠷᠬᠦ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠯᠬᠢᠨ ᠠᠬᠢᠭᠤᠯᠤᠨ᠎ᠠ᠃
      ᠯᠢᠦ ᠯᠠᠨ ᠶᠢᠩ᠄
      ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠲᠠᠯ᠎ᠠ᠎ᠪᠠᠷ᠂ ᠲᠦᠩᠯᠢᠶᠣᠤ ᠨᠢᠰᠬᠡᠯ᠎ᠤᠨ ᠪᠠᠭᠤᠳᠠᠯ᠎ᠤᠨ ᠤᠯᠠᠨ ᠤᠯᠤᠰ᠎ᠤᠨ ᠠᠭ᠋ᠠᠷ᠎ᠤᠨ ᠠᠶᠠᠯᠠᠯ᠎ᠤᠨ ᠦᠷᠲᠡᠭᠡᠨ᠎ᠤ ᠠᠰᠠᠷ᠎ᠤᠨ ᠥᠭᠡᠷᠡᠴᠢᠯᠡᠯᠲᠡ ᠵᠢᠨ ᠡᠮᠦᠨᠡᠬᠢ ᠬᠤᠭᠤᠴᠠᠭ᠋ᠠᠨ᠎ᠤ ᠪᠠᠷᠢᠯᠭ᠎ᠠ ᠵᠢ ᠡᠬᠢᠯᠡᠭᠦᠯᠵᠦ᠂ ᠨᠠᠢ᠍ᠮᠠᠨ᠂ ᠬᠦᠷᠢᠶ᠎ᠡ ᠵᠢᠨ ᠨᠡᠶ᠋ᠢᠳᠡᠮ ᠬᠡᠷᠡᠭᠯᠡᠬᠦ ᠨᠢᠰᠭᠡᠯ᠎ᠤᠨ ᠪᠠᠭᠤᠳᠠᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠷᠭᠡᠳᠬᠡᠨ᠎ᠡ᠃ ᠭᠤᠤᠯᠳᠠᠯᠭ᠎ᠠ᠎ᠲᠠᠢ ᠤᠰᠤᠨ ᠠᠰᠢᠭᠯᠠᠯᠲᠠ ᠵᠢᠨ ᠲᠠᠯ᠎ᠠ᠎ᠪᠠᠷ᠂ 《ᠴᠤᠤᠯ ᠭᠣᠣᠯ᠎ᠤᠨ ᠤᠰᠤ ᠵᠢ ᠲᠠᠲᠠᠨ ᠪᠠᠷᠠᠭᠤᠨ ᠯᠢᠶᠣᠤ ᠡᠾᠸ ᠭᠤᠤᠯ᠎ᠢ ᠲᠡᠳᠬᠦᠬᠦ》 ᠰᠠᠯᠪᠤᠷᠢ ᠱᠤᠭᠤᠮ᠂ ᠯᠢᠶᠣᠤ ᠰᠢ᠎ᠠᠴᠠ ᠤᠰᠤ ᠲᠠᠲᠠᠵᠤ ᠲᠦᠩᠯᠢᠶᠣᠤ ᠵᠢ ᠬᠠᠩᠭ᠋ᠠᠬᠤ ᠰᠠᠯᠪᠤᠷᠢ ᠱᠤᠭᠤᠮ᠂ 《ᠨᠤᠨ ᠮᠦᠷᠡᠨ᠎ᠤ ᠤᠰᠤ ᠵᠢ ᠲᠠᠲᠠᠨ ᠬᠤᠤᠯᠢᠨ ᠭᠤᠤᠯ᠎ᠢ ᠲᠡᠳᠬᠦᠬᠦ》 ᠢᠨᠵᠧᠨᠧᠷᠢᠩ᠂ ᠭᠠᠬᠠᠢ ᠠᠭᠤᠯᠠ ᠵᠢᠨ ᠤᠰᠤᠨ ᠴᠥᠭᠥᠷᠥᠮ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠷᠭᠡᠨ ᠠᠬᠢᠭᠤᠯᠤᠨ᠎ᠠ᠃ ᠡᠨᠧᠷᠭᠢ ᠵᠢᠨ ᠲᠠᠯ᠎ᠠ᠎ᠪᠠᠷ᠂ ᠮᠠᠨ᠎ᠤ ᠬᠣᠲᠠ ᠵᠢᠨ ᠬᠣᠶ᠋ᠢᠲᠤ ᠪᠡᠶ᠎ᠡ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠥᠪᠡᠷᠮᠢᠴᠡ ᠴᠢᠨᠠᠷ᠎ᠢ ᠤᠯᠤᠰ᠂ ᠥᠪᠡᠷᠲᠡᠭᠡᠨ ᠵᠠᠰᠠᠬᠤ ᠤᠷᠤᠨ᠎ᠳᠤ ᠬᠠᠷᠢᠭᠤ ᠮᠡᠳᠡᠭᠦᠯᠵᠦ᠂ ᠵᠠᠬ᠎ᠠ ᠨᠠᠭᠤᠷ᠎ᠤᠨ ᠬᠦᠩᠭᠡᠨ ᠴᠠᠭ᠋ᠠᠨ᠎ᠤ ᠦᠢ᠍ᠯᠡᠰ᠎ᠤᠨ ᠬᠤᠶᠠᠳᠤᠭ᠋ᠠᠷ ᠬᠤᠭᠤᠴᠠᠭ᠋ᠠᠨ᠎ᠤ 38 ᠲᠦᠮᠡᠨ ᠲᠣᠨ ᠲᠦᠭᠦᠬᠡᠢ ᠬᠦᠨᠭᠭᠡᠨ ᠴᠠᠭ᠋ᠠᠨ ᠦᠢ᠍ᠯᠡᠳᠪᠦᠷᠢᠯᠡᠬᠦ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠷᠭᠡᠳᠬᠡᠨ᠎ᠡ; ᠡᠨ᠋ᠸᠷᠬᠢ ᠵᠢ ᠭᠠᠳᠠᠭᠰᠢ ᠬᠦᠷᠭᠡᠬᠦ ᠵᠠᠮ᠎ᠤᠨ ᠪᠥᠳᠥᠭᠡᠨ ᠪᠠᠶ᠋ᠢᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠡᠬᠢᠯᠡᠯᠲᠡ ᠵᠢᠨ ᠴᠢᠭ᠋᠎ᠢ ᠲᠤᠭᠲᠠᠭᠤᠨ ᠪᠠᠢ᠌ᠯᠭ᠋ᠠᠵᠤ᠂ ᠲᠦᠭᠡᠭᠡᠯ ᠲᠣᠭ᠎ᠠ ᠵᠢ ᠲᠡᠮᠡᠴᠡᠨ᠂ ᠲᠣᠭᠲᠠᠮᠠᠯ ᠭᠥᠶᠥᠳᠡᠯᠳᠦ ᠴᠠᠬᠢᠯᠭ᠋ᠠᠨ ᠬᠦᠷᠭᠡᠬᠦ ᠪᠠᠷᠢᠯᠭ᠎ᠠ᠎ᠲᠠᠢ ᠤᠶᠠᠯᠳᠤᠭᠤᠯᠤᠨ᠂ ᠵᠢᠷᠦᠬᠡ ᠵᠢᠨ ᠭᠤᠤᠯ᠎ᠤᠨ 200 ᠲᠦᠮᠡᠨ ᠺᠢᠯᠣᠸᠠᠲ᠎ᠤᠨ ᠰᠠᠯᠬᠢᠨ ᠬᠦᠴᠦᠨ᠎ᠤ ᠴᠠᠬᠢᠯᠭ᠋ᠠᠨ ᠭᠠᠷᠭ᠋ᠠᠬᠤ ᠰᠠᠭᠤᠷᠢᠨ ᠭᠠᠵᠠᠷ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠦᠷᠨᠢᠭᠦᠯᠵᠦ᠂ ᠤᠯᠤᠰ᠎ᠤᠨ ᠳᠡᠰ᠎ᠤᠨ ᠠᠷᠢᠭᠤᠨ ᠴᠡᠪᠡᠷ ᠡᠨᠧᠷᠭᠢ ᠵᠢᠨ ᠰᠠᠭᠤᠷᠢᠨ ᠭᠠᠵᠠᠷ᠎ᠢ ᠪᠠᠢ᠌ᠭᠤᠯᠤᠨ᠎ᠠ; ᠬᠣᠣᠯᠢᠨ ᠭᠤᠤᠯ᠎ᠤᠨ ᠣᠷᠴᠢᠯ ᠠᠵᠤ ᠠᠬᠤᠶ ᠵᠢᠨ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠬᠤᠶᠠᠳᠤᠭ᠋ᠠᠷ ᠬᠤᠭᠤᠴᠠᠭ᠋ᠠᠨ᠎ᠤ 2 × 35 ᠲᠦᠮᠡᠨ ᠺᠢᠯᠣᠸᠠᠲ᠎ᠤᠨ ᠢᠯᠴᠢ᠎ᠪᠠᠷ ᠴᠠᠬᠢᠯᠭ᠋ᠠᠨ ᠭᠠᠷᠭ᠋ᠠᠬᠤ ᠲᠦᠷᠦᠯ ᠵᠦᠢ᠍ᠯ᠂ ᠵᠢᠨ ᠯᠢᠶᠠᠨ᠎ᠤ ᠬᠤᠶᠠᠳᠤᠭ᠋ᠠᠷ ᠬᠤᠭᠤᠴᠠᠭ᠋ᠠᠨ᠎ᠤ 2 ᠰᠠᠤᠷᠢ 66 ᠲᠦᠮᠡᠨ ᠺᠢᠯᠣᠸᠠᠲ᠎ᠤᠨ ᠢᠯᠴᠢ᠎ᠪᠠᠷ ᠴᠠᠬᠢᠯᠭ᠋ᠠᠨ ᠭᠠᠷᠭ᠋ᠠᠬᠤ ᠲᠦᠷᠦᠯ ᠵᠦᠢ᠍ᠯ᠂ ᠴᠤᠸᠠᠩ ᠶᠤᠸᠠᠨ᠎ᠤ 3 ᠰᠠᠤᠷᠢ 33 ᠲᠦᠮᠡᠨ ᠺᠢᠯᠣᠸᠠᠲ᠎ᠤᠨ ᠢᠯᠴᠢ᠎ᠪᠠᠷ ᠴᠠᠬᠢᠯᠭ᠋ᠠᠨ ᠭᠠᠷᠭ᠋ᠠᠬᠤ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠷᠭᠡᠨ ᠠᠬᠢᠭᠤᠯᠤᠨ᠎ᠠ᠃ ᠨᠡᠩ ᠤᠯᠠᠨ ᠭᠡᠷᠡᠯ ᠸᠣᠯᠲ ᠪᠠ ᠰᠠᠯᠬᠢᠨ ᠬᠦᠴᠦ᠎ᠪᠠᠷ ᠴᠠᠬᠢᠯᠭ᠋ᠠᠨ ᠭᠠᠷᠭ᠋ᠠᠬᠤ ᠲᠦᠷᠦᠯ ᠵᠦᠢ᠍ᠯ᠎ᠢ ᠤᠯᠤᠰ᠎ᠤᠨ ᠨᠡᠭᠡᠭᠡᠨ ᠬᠥᠭᠵᠢᠭᠦᠯᠬᠦ ᠲᠥᠯᠥᠪᠵᠢᠭᠦᠯᠭᠡ᠎ᠳᠤ ᠤᠷᠤᠭᠤᠯᠬᠤ᠎ᠪᠠᠷ ᠴᠢᠷᠮᠠᠢ᠌ᠨ᠎ᠠ᠃ ᠲᠦᠩᠯᠢᠶᠣᠤ — ᠶᠤᠸᠠᠨ ᠪᠦᠦ ᠱᠠᠨ᠂ ᠲᠦᠩᠯᠢᠶᠣᠤ — ᠬᠣᠣᠯᠢᠨ ᠭᠣᠣᠯ ᠵᠢᠨ ᠪᠠᠶ᠋ᠢᠭ᠋ᠠᠯᠢ ᠵᠢᠨ ᠰᠢᠲᠠᠮᠠᠬᠠᠶ ᠬᠡᠢ ᠳᠠᠮᠵᠢᠭᠤᠯᠬᠤ ᠬᠣᠭᠣᠯᠠᠶ ᠵᠢᠨ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠷᠭᠡᠳᠬᠡᠨ᠎ᠡ᠃
      ᠬᠥᠲᠥᠯᠥᠭᠴᠢ᠄
      ᠯᠢᠦ ᠡᠷᠬᠢᠯᠡᠭᠴᠢ ᠡ᠂ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠵᠢ ᠭᠦᠢ᠍ᠴᠡᠳᠬᠡᠬᠦ ᠠᠬᠢᠴᠠ ᠵᠢ ᠲᠦᠷᠭᠡᠳᠬᠡᠬᠦ ᠲᠠᠯ᠎ᠠ᠎ᠪᠠᠷ᠂ ᠪᠢᠳᠡ ᠶᠠᠮᠠᠷ ᠰᠠᠢ᠍ᠢ᠍ᠨ ᠠᠷᠭ᠎ᠠ ᠠᠪᠤᠭᠰᠠᠨ ᠪᠤᠢ?
      ᠯᠢᠦ ᠯᠠᠨ ᠶᠢᠩ᠄
      ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ᠎ᠨᠢ ᠳᠠᠪᠠᠭᠤᠯᠢᠭ ᠠᠵᠤ ᠦᠢ᠍ᠯᠡᠰ᠎ᠢ ᠲᠡᠳᠬᠦᠨ ᠳᠡᠮᠵᠢᠬᠦ᠂ ᠠᠵᠤ ᠦᠢ᠍ᠯᠡᠰ᠎ᠢ ᠰᠢᠯᠢᠳᠡᠭᠵᠢᠭᠦᠯᠦᠨ ᠲᠡᠰ ᠳᠡᠪᠰᠢᠬᠦ ᠵᠢ ᠬᠥᠲᠥᠯᠥᠨ ᠵᠢᠯᠣᠭᠣᠳᠬᠤ ᠴᠢᠬᠤᠯᠠ ᠳᠠᠭ᠋ᠠᠭᠤᠯᠬᠤ ᠦᠢ᠍ᠯᠡᠳᠦᠯ᠎ᠲᠠᠢ ᠶᠤᠮ᠃ ᠨᠢᠭᠡᠳᠦᠭᠡᠷ᠎ᠲᠤ᠂ ᠵᠣᠯᠭ᠋ᠠᠭᠤᠯᠬᠤ ᠠᠵᠢᠯ᠎ᠢ ᠰᠠᠶ᠋ᠢᠲᠤᠷ ᠬᠢᠵᠦ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ ᠲᠥᠷᠥ ᠵᠢᠨ ᠪᠤᠳᠤᠯᠭ᠎ᠠ ᠵᠢ ᠰᠠᠶ᠋ᠢᠲᠤᠷ ᠬᠡᠷᠡᠭᠯᠡᠨ᠂ ᠭᠦᠢ᠍ᠴᠡᠳ ᠬᠡᠷᠡᠭᠯᠡᠵᠦ᠂ ᠤᠯᠤᠰ᠎ᠤᠨ ᠲᠥᠷᠥᠯ ᠵᠦᠢ᠍ᠯ᠎ᠢ ᠡᠩ ᠲᠡᠷᠢᠭᠦᠨ᠎ᠳᠤ ᠳᠤᠮᠳᠠ ᠪᠠᠷᠠᠭᠤᠨ ᠣᠷᠣᠨ ᠪᠠ ᠦᠨᠳᠦᠰᠦᠲᠡᠨ᠎ᠤ ᠭᠠᠵᠠᠷ ᠣᠷᠣᠨ᠎ᠳᠤ ᠪᠠᠢ᠌ᠷᠢᠰᠢᠭᠤᠯᠬᠤ ᠴᠢᠬᠤᠯᠠ ᠶᠡᠬᠡ ᠠᠵᠠ ᠲᠤᠬᠢᠶᠠᠯ᠎ᠢ ᠢᠳᠡᠪᠬᠢᠲᠡᠶ ᠵᠠᠪᠳᠤᠨ ᠠᠳᠬᠤᠵᠤ᠂ ᠤᠯᠤᠰ᠎ᠠᠴᠠ ᠳᠡᠮᠵᠢᠯᠭᠡ ᠦᠵᠡᠭᠦᠯᠬᠦ ᠪᠡᠯᠡ ᠤᠷᠤᠭᠤᠯᠤᠯᠲᠠ ᠵᠢᠨ ᠬᠦᠷᠢᠶ᠎ᠠ ᠬᠡᠪᠴᠢᠶ᠎ᠡ ᠵᠢᠨ ᠲᠤᠭᠤᠷᠢᠨ᠎ᠳᠤ᠂ ᠲᠥᠪ᠎ᠤᠨ ᠲᠥᠰᠦᠪ᠎ᠤᠨ ᠳᠣᠲᠣᠷᠠᠬᠢ ᠪᠡᠯᠡ ᠮᠥᠩᠭᠥ ᠵᠢ ᠠᠯᠢ ᠪᠣᠯᠬᠤ᠎ᠪᠠᠷ ᠢᠯᠡᠭᠦᠬᠡᠨ ᠲᠡᠮᠡᠴᠡᠨ ᠤᠯᠵᠤ᠂ ᠪᠥᠬᠥ ᠣᠷᠣᠨ᠎ᠤ ᠳᠤᠮᠳᠠᠴᠢ ᠬᠢᠷᠢ ᠬᠡᠮᠵᠢᠶ᠎ᠡ᠎ᠠᠴᠠ ᠳᠠᠪᠠᠬᠤ᠎ᠪᠠᠷ ᠴᠢᠷᠮᠠᠢ᠌ᠵᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ 《ᠳᠠᠯᠢᠮ ᠵᠶ᠋ᠠᠷ ᠠᠯᠲᠠ ᠪᠤᠯᠭ᠋ᠠᠬᠤ》 ᠬᠥᠲᠥᠯᠥᠨ ᠳᠠᠶ᠋ᠢᠴᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠪᠡᠯᠡ ᠣᠷᠣᠭᠤᠯᠤᠯᠲᠠ ᠵᠢᠨ ᠨᠡᠮᠡᠭᠳᠡᠯ᠎ᠢ ᠪᠦᠲᠦᠮᠵᠢᠲᠡᠶ ᠳᠡᠮᠵᠢᠨ᠎ᠡ᠃ ᠬᠣᠶᠠᠳᠤᠭ᠋ᠠᠷ᠎ᠲᠤ᠂ ᠡᠯ᠎ᠡ ᠬᠣᠰᠢᠭᠤ ᠰᠢᠶᠠᠨ ᠬᠣᠲᠠ ᠲᠣᠭᠣᠷᠢᠭ᠎ᠤᠨ ᠣᠷᠣᠨ ᠨᠤᠲᠤᠭ᠎ᠤᠨ ᠢᠵᠢ ᠪᠦᠷᠢᠳᠦᠭᠦᠯᠬᠦ ᠪᠡᠯᠡ ᠮᠥᠩᠭᠥ ᠵᠢᠨ ᠨᠠᠢ᠌ᠳᠠᠪᠤᠷᠢᠵᠢᠭᠤᠯᠤᠯᠲᠠ ᠵᠢ ᠢᠳᠡᠪᠬᠢᠲᠡᠢ ᠱᠠᠭ᠋ᠠᠷᠳᠠᠨ᠂ ᠲᠡᠮᠡᠴᠡᠨ ᠤᠯᠤᠭᠰᠠᠨ ᠲᠥᠷᠥᠯ ᠵᠦᠢ᠍ᠯ᠎ᠤᠨ ᠨᠠᠢ᠌ᠳᠠᠪᠤᠷᠢᠵᠢᠬᠤ ᠵᠢ ᠦᠨᠡᠨ ᠬᠦ᠌ ᠪᠠᠲᠤᠯᠠᠨ᠎ᠠ᠃ ᠡᠨᠡ ᠵᠢᠯ ᠪᠠᠰᠠ ᠲᠥᠷᠥᠯ ᠵᠦᠢ᠍ᠯ᠎ᠤᠨ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠵᠢ ᠪᠠᠢ᠌ᠭᠤᠯᠵᠤ᠂ ᠪᠡᠯᠡ ᠣᠷᠣᠭᠤᠯᠤᠯᠲᠠ ᠵᠢᠨ ᠲᠦᠷᠦᠯ ᠵᠦᠢ᠍ᠯ᠎ᠤᠨ ᠠᠵᠢᠯ᠎ᠢ ᠡᠬᠢᠯᠡᠭᠦᠯᠦᠨ ᠪᠥᠳᠥᠭᠡᠨ ᠪᠠᠢ᠌ᠭᠤᠯᠬᠤ ᠵᠢ ᠲᠦᠯᠬᠢᠨ ᠠᠬᠢᠭᠤᠯᠵᠤ᠂ ᠠᠵᠢᠯ ᠬᠢᠭᠰᠡᠨ᠎ᠨᠢ ᠬᠦᠷᠦᠯᠴᠡᠬᠦ ᠦᠭᠡᠢ ᠪᠠᠶ᠋ᠢᠬᠤ ᠪᠠ ᠬᠢᠨᠠᠯᠲᠠ ᠬᠠᠮᠢᠶᠠᠷᠤᠯᠲᠠ ᠳᠤᠲᠠᠮᠠᠭ ᠲᠦᠷᠦᠯ ᠵᠦᠢ᠍ᠯ᠎ᠤᠨ ᠨᠢᠭᠡᠴᠡ ᠵᠢᠴᠢ ᠪᠠᠢ᠌ᠭ᠎ᠠ ᠬᠣᠰᠢᠭᠤ ᠰᠢᠶᠠᠨ᠎ᠲᠠᠢ ᠬᠤᠭᠤᠴᠠᠭ᠎ᠠ ᠪᠣᠯᠵᠣᠨ ᠬᠡᠯᠡᠯᠴᠡᠵᠦ᠂ ᠤᠴᠢᠷ ᠰᠢᠯᠲᠠᠭ᠋ᠠᠨ ᠦᠭᠡᠢ᠎ᠪᠠᠷ ᠬᠤᠭᠤᠴᠠᠭ᠎ᠠ ᠬᠡᠲᠦᠷᠡᠲᠡᠯ᠎ᠡ ᠠᠵᠢᠯ ᠵᠶ᠋ᠠᠨ ᠡᠬᠢᠯᠡᠭᠦᠯᠦᠭᠰᠡᠨ ᠦᠭᠡᠢ ᠲᠦᠷᠦᠯ ᠵᠦᠢ᠍ᠯ᠎ᠢ ᠴᠠᠭ ᠲᠤᠬᠠᠶ᠎ᠳᠤᠨᠢ ᠲᠣᠬᠢᠷᠠᠭᠤᠯᠬᠤ ᠪᠤᠶᠤ ᠣᠷᠣᠭᠤᠯᠤᠭᠰᠠᠨ ᠪᠡᠯᠡ ᠮᠦᠩᠭᠦ ᠵᠢ᠎ᠨᠢ ᠪᠤᠴᠠᠭ᠋ᠠᠨ ᠠᠪᠤᠨ᠎ᠠ᠃
      ᠯᠢᠦ ᠯᠠᠨ ᠶᠢᠩ᠄
      ᠭᠤᠷᠪᠠ᠎ᠳᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠨᠥᠭᠡᠴᠡᠯᠡᠬᠦ ᠪᠠ ᠭᠤᠷᠪᠠᠨ ᠵᠢᠯ ᠥᠩᠭᠦᠷᠢᠭᠦᠯᠦᠨ ᠪᠡᠯᠡ ᠣᠷᠣᠭᠤᠯᠬᠤ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠴᠢᠩᠭ᠋ᠠᠳᠬᠠᠨ᠎ᠠ᠃ 《ᠡᠨᠡ ᠵᠢᠯ᠎ᠤᠨ ᠠᠵᠢᠯ ᠵᠶ᠋ᠠᠨ ᠬᠢᠵᠦ᠂ ᠢᠷᠡᠬᠦ ᠵᠢᠯ᠎ᠤᠨ ᠠᠵᠢᠯ ᠵᠶ᠋ᠡᠨ ᠪᠡᠯᠡᠳᠴᠦ᠂ ᠴᠠᠭ᠋ᠠᠲᠤ ᠵᠢᠯ᠎ᠤᠨ ᠠᠵᠢᠯ ᠵᠶ᠋ᠠᠨ ᠬᠠᠷᠠᠵᠤ᠂ ᠲᠡᠭᠦᠨ ᠴᠠᠭ᠋ᠠᠳᠤ ᠵᠢᠯ᠎ᠤᠨ ᠠᠵᠢᠯ ᠵᠶ᠋ᠡᠨ ᠪᠣᠳᠣᠯᠬᠢᠯᠠᠬᠤ》 ᠱᠠᠭ᠋ᠠᠷᠳᠠᠯᠭ᠎ᠠ ᠶᠣᠰᠣᠭ᠋ᠠᠷ᠂ ᠲᠦᠷᠦᠯ ᠵᠦᠢ᠍ᠯ᠎ᠢ ᠨᠥᠭᠡᠴᠡᠯᠡᠬᠦ ᠪᠠ ᠭᠤᠷᠪᠠᠨ ᠵᠢᠯ ᠥᠩᠭᠦᠷᠢᠭᠦᠯᠦᠨ ᠪᠡᠯᠡ ᠣᠷᠣᠭᠤᠯᠬᠤ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠬᠤ ᠠᠵᠢᠯ ᠵᠶ᠋ᠡᠨ ᠰᠠᠢ᠌ᠳᠤᠷ ᠬᠢᠨ᠎ᠡ᠃ ᠳᠥᠷᠪᠡ᠎ᠳᠤ᠂ ᠮᠣᠩᠭᠣᠯ ᠡᠮ ᠡᠮᠨᠡᠯᠭᠡ ᠵᠢᠨ ᠠᠵᠤ ᠦᠢ᠍ᠯᠡᠰ᠂ ᠬᠣᠷᠴᠢᠨ᠎ᠤ ᠦᠬᠡᠷ᠎ᠤᠨ ᠮᠢᠬ᠎ᠠ᠂ ᠬᠣᠷᠴᠢᠨ᠎ᠤ ᠡᠯᠡᠰᠦᠷᠬᠡᠭ ᠭᠠᠵᠠᠷ᠎ᠢ ᠶᠡᠷᠦᠩᠬᠡᠶ᠋ᠢᠯᠡᠨ ᠵᠠᠰᠠᠬᠤ ᠵᠡᠷᠭᠡ ᠨᠢᠭᠡ ᠪᠦᠯᠦᠭ ᠪᠦᠬᠦ ᠲᠠᠯ᠎ᠠ ᠵᠢᠨ ᠴᠢᠨᠠᠷᠲᠠᠶ᠂ ᠰᠠᠭᠤᠷᠢ ᠴᠢᠨᠠᠷᠲᠠᠶ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠶ ᠴᠢᠬᠤᠯᠠ ᠶᠡᠬᠡ ᠢᠨᠵᠧᠨᠧᠷᠢᠩ᠎ᠢ ᠤᠯᠤᠰ᠎ᠤᠨ ᠪᠠᠶ᠋ᠢᠯᠳᠤᠬᠤ ᠪᠣᠳᠣᠯᠭ᠎ᠠ ᠪᠣᠯᠭ᠋ᠠᠨ᠂ ᠤᠯᠤᠰ᠎ᠤᠨ ᠲᠤᠰᠬᠠᠶ ᠪᠡᠯᠡ ᠮᠥᠩᠭᠥ ᠵᠢᠨ ᠳᠡᠮᠵᠢᠯᠭᠡ ᠵᠢ ᠣᠯᠬᠤ᠎ᠪᠠᠷ ᠬᠦᠴᠦᠯᠡᠨ ᠴᠢᠷᠮᠠᠢ᠌ᠨ᠎ᠠ᠃
      ᠬᠥᠲᠥᠯᠥᠭᠴᠢ᠄
      ᠯᠢᠦ ᠡᠷᠬᠢᠯᠡᠭᠴᠢ ᠡ᠂ ᠪᠥᠳᠥᠭᠡᠨ ᠪᠠᠶ᠋ᠢᠭᠤᠯᠤᠯᠲᠠ ᠵᠢᠨ ᠲᠤᠰᠬᠠᠶ ᠰᠠᠭᠤᠷᠢ ᠮᠥᠩᠭᠥ ᠭᠡᠵᠦ ᠶᠠᠭᠤ ᠪᠤᠢ?   ᠪᠥᠳᠥᠭᠡᠨ ᠪᠠᠶ᠋ᠢᠭᠤᠯᠤᠯᠲᠠ ᠵᠢᠨ ᠲᠤᠰᠬᠠᠶ ᠰᠠᠭᠤᠷᠢ ᠮᠥᠩᠭᠥ ᠤᠯᠬᠤ ᠬᠦᠴᠦᠯᠡᠴᠡ᠎ᠪᠠᠨ ᠬᠡᠷᠬᠢᠨ ᠨᠡᠮᠡᠭᠳᠡᠭᠦᠯᠬᠦ ᠪᠤᠢ?       ᠯᠢᠦ ᠯᠠᠨ ᠶᠢᠩ᠄
      ᠠᠵᠤ ᠠᠬᠤᠶ ᠤᠷᠤᠭᠤᠳᠠᠬᠤ ᠳᠠᠷᠤᠯᠲᠠ ᠵᠢ ᠠᠷᠭ᠋ᠠᠴᠠᠬᠤ᠎ᠳᠤ ᠠᠵᠤ ᠠᠬᠤᠶ ᠵᠢᠨ ᠨᠡᠮᠡᠭᠳᠡᠯ᠎ᠳᠠᠬᠢ ᠪᠡᠯᠡ ᠣᠷᠣᠭᠤᠯᠤᠯᠲᠠ ᠵᠢᠨ ᠵᠠᠩᠭᠢᠯᠠᠭ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠢᠳᠤᠨᠤᠨ᠎ᠤ 7 ᠳ᠋ᠤᠭ᠋ᠠᠷ ᠰᠠᠷ᠎ᠠ ᠵᠢᠨ ᠰᠡᠭᠦᠯᠴᠢ᠎ᠪᠠᠷ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠠᠴᠠ ᠪᠦᠲᠦᠭᠡᠨ ᠪᠠᠶ᠋ᠢᠭᠤᠯᠤᠯᠲᠠ ᠵᠢᠨ ᠲᠤᠰᠬᠠᠶ ᠵᠢᠭᠡᠯᠡᠯᠭᠡ ᠵᠢᠨ ᠲᠡᠮᠳᠡᠭᠲᠦ ᠲᠠᠷᠬᠠᠭ᠋ᠠᠵᠣ᠂ 《ᠣᠨᠣᠪᠴᠢᠲᠠᠢ᠂ ᠠᠴᠢ ᠬᠠᠷᠢᠭᠤᠯᠲᠠ᠎ᠲᠠᠢ ᠪᠠᠢ᠌ᠵᠤ᠂ ᠦᠯᠡᠭᠦᠳᠡᠬᠦ ᠦᠢ᠍ᠯᠡᠳᠪᠦᠷᠢᠯᠡᠯ ᠴᠢᠳᠠᠪᠤᠷᠢ ᠵᠢ ᠰᠢᠨ᠎ᠡ᠎ᠪᠠᠷ ᠨᠡᠮᠡᠭᠳᠡᠭᠦᠯᠬᠦ ᠦᠭᠡᠢ᠂ ᠳᠠᠪᠬᠤᠷᠳᠠᠭᠰᠠᠨ ᠪᠦᠳᠦᠭᠡᠨ ᠪᠠᠶ᠋ᠢᠭᠤᠯᠤᠯᠲᠠ ᠬᠢᠬᠦ ᠦᠭᠡᠢ᠂ ᠰᠢᠬᠠᠬᠤ ᠨᠥᠯᠥᠭᠡᠯᠡᠯ᠎ᠢ ᠪᠣᠢ ᠪᠣᠯᠭ᠋ᠠᠬᠤ ᠦᠭᠡᠢ》 ᠪᠠᠢ᠌ᠬᠤ᠎ᠪᠠᠷ ᠵᠠᠷᠴᠢᠮ ᠪᠣᠯᠭ᠋ᠠᠨ᠂ ᠪᠡᠯᠡ ᠣᠷᠣᠭᠤᠯᠤᠯᠲᠠ ᠶᠡᠬᠡ᠂ ᠬᠤᠭᠤᠴᠠᠭ᠎ᠠ᠎ᠨᠢ ᠤᠷᠳᠤ᠂ ᠡᠭᠡᠭᠦᠯᠦᠨ ᠬᠤᠷᠢᠶᠠᠬᠤ ᠬᠤᠭᠤᠴᠠᠭ᠎ᠠ᠎ᠨᠢ ᠤᠳᠠᠭ᠋ᠠᠨ᠂ ᠵᠦᠢ ᠵᠣᠬᠢᠰᠲᠠᠶ ᠠᠴᠢ ᠬᠠᠷᠢᠭᠤᠯᠲᠠ᠎ᠲᠠᠢ ᠨᠡᠶ᠋ᠢᠲᠡ ᠵᠢᠨ ᠠᠰᠠᠷᠠᠮᠵᠢ ᠵᠢᠨ ᠰᠢᠨᠵᠢᠲᠡᠢ ᠪᠠ ᠰᠠᠭᠤᠷᠢ ᠴᠢᠨᠠᠷᠲᠠᠶ ᠲᠥᠷᠥᠯ ᠵᠦᠢ᠍ᠯ᠎ᠢ ᠭᠣᠣᠯᠳᠠᠯᠭ᠎ᠠ᠎ᠲᠠᠢ᠎ᠪᠠᠷ ᠳᠡᠮᠵᠢᠵᠦ᠂ ᠲᠥᠷᠥᠯ ᠵᠦᠢ᠍ᠯ᠎ᠤᠨ ᠬᠦᠷᠦᠩᠭᠡ ᠮᠥᠩᠭᠥ ᠵᠢᠨ ᠣᠷᠣᠭᠤᠯᠤᠯᠲᠠ ᠪᠠ ᠰᠲ᠋ᠣᠺ᠎ᠤᠨ ᠡᠷᠬᠡ ᠵᠢᠨ ᠪᠡᠯᠡ ᠣᠷᠣᠭᠤᠯᠤᠯᠲᠠ᠎ᠳᠤ ᠬᠡᠷᠡᠭᠯᠡᠬᠦ ᠬᠡᠷᠡᠭᠲᠡᠢ ᠭᠡᠵᠡᠢ᠃ ᠮᠡᠳᠡᠭᠳᠡᠯ᠎ᠢ ᠣᠯᠤᠭᠰᠠᠨ᠎ᠤ ᠳᠠᠷᠠᠭ᠎ᠠ᠂ ᠪᠦᠬᠦ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠰᠠᠯᠠᠭ᠎ᠠ ᠮᠥᠴᠢᠷ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠪᠦᠲᠦᠭᠡᠨ ᠪᠠᠶ᠋ᠢᠭᠤᠯᠤᠯᠲᠠ ᠵᠢᠨ ᠲᠤᠰᠬᠠᠶ ᠵᠢᠭᠡᠯᠡᠯᠭᠡ ᠵᠢᠨ ᠲᠡᠮᠳᠡᠭᠲᠦ ᠵᠢᠨ ᠪᠡᠯᠡ ᠣᠷᠣᠭᠤᠯᠤᠯᠲᠠ ᠵᠢᠨ ᠵᠢᠷᠭᠤᠭ᠋ᠠᠨ ᠪᠥᠯᠥᠭ ᠲᠥᠷᠥᠯ ᠵᠦᠢ᠍ᠯ᠎ᠢ ᠨᠥᠭᠡᠴᠡᠯᠡᠬᠦ ᠲᠥᠯᠥᠪᠯᠡᠭᠡ ᠵᠢ ᠳᠡᠭᠡᠭᠰᠢ ᠮᠡᠳᠡᠭᠦᠯᠬᠦ᠎ᠪᠠᠷ ᠴᠢᠷᠮᠠᠢ᠌ᠵᠤ᠂ ᠪᠥᠳᠥᠭᠡᠨ ᠪᠠᠶ᠋ᠢᠭᠤᠯᠤᠯᠲᠠ ᠵᠢᠨ ᠲᠤᠰᠬᠠᠶ ᠰᠠᠭᠤᠷᠢ ᠮᠥᠩᠭᠥ᠎ᠳᠤ 28.94 ᠳ᠋ᠦᠩᠰᠢᠭᠤᠷ ᠲᠥᠭᠥᠷᠢᠭ ᠣᠷᠣᠭᠤᠯᠵᠤ᠂ ᠭᠣᠣᠯᠳᠠᠭᠤ ᠲᠡᠮᠦᠷ ᠵᠠᠮ᠂ ᠴᠠᠬᠢᠯᠭ᠋ᠠᠨ ᠬᠦᠴᠦ᠂ ᠪᠣᠬᠢᠷ ᠤᠰᠤ ᠬᠣᠭ ᠨᠣᠪᠰᠢ ᠰᠢᠢ᠍ᠳᠪᠦᠷᠢᠯᠡᠬᠦ᠂ ᠳᠥᠭᠥᠮ ᠪᠦᠳᠦᠴᠡᠳᠦ ᠣᠷᠣᠨ ᠰᠠᠭᠤᠴᠠ ᠵᠢᠨ ᠲᠣᠭᠣᠷᠢᠭ᠎ᠤᠨ ᠥᠭᠡᠷᠡᠴᠢᠯᠡᠯᠲᠡ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠂ ᠵᠢᠭᠤᠯᠴᠢᠯᠠᠯ ᠵᠡᠷᠭᠡ᠎ᠳᠤ ᠬᠡᠷᠡᠭᠯᠡᠨ᠎ᠡ᠃ ᠡᠨᠡ ᠵᠢᠯ ᠪᠢᠳᠠ ᠵᠣᠯᠭ᠋ᠠᠯᠳᠤᠭᠤᠯᠬᠤ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠤᠯᠤᠰ᠎ᠤᠨ ᠪᠡᠯᠡ ᠮᠥᠩᠭᠥ ᠲᠣᠬᠢᠷᠠᠭᠤᠯᠬᠤ ᠳᠡᠮᠵᠢᠯᠭᠡ ᠵᠢᠨ ᠴᠢᠭᠯᠡᠯ᠎ᠢ ᠦᠨᠳᠦᠰᠦᠯᠡᠨ᠂ ᠲᠦᠷᠦᠯ ᠵᠦᠢ᠍ᠯ᠎ᠢ ᠰᠢᠭᠰᠢᠨ ᠮᠡᠳᠡᠭᠦᠯᠬᠦ ᠠᠵᠢᠯ᠎ᠢ ᠦᠨᠡᠨ ᠬᠦ᠌ ᠰᠠᠶ᠋ᠢᠲᠤᠷ ᠬᠢᠬᠦ ᠪᠥᠭᠡᠳ ᠨᠢᠭᠡ ᠪᠦᠯᠦᠭ ᠡᠮᠦᠨᠡᠬᠢ ᠬᠤᠭᠤᠴᠠᠭ᠋ᠠᠨ᠎ᠤ ᠠᠵᠢᠯ᠎ᠨᠢ ᠪᠣᠯᠪᠠᠰᠤᠷᠠᠩᠭᠤᠶ ᠪᠣᠯᠣᠭᠰᠠᠨ ᠲᠥᠷᠥᠯ ᠵᠦᠢ᠍ᠯ᠎ᠢ ᠴᠢᠩᠭ᠎ᠠ ᠠᠳᠬᠤᠨ ᠳᠡᠭᠡᠭᠰᠢ ᠮᠡᠳᠡᠭᠦᠯᠵᠦ᠂ ᠤᠯᠤᠰ᠎ᠤᠨ ᠨᠡᠩ ᠣᠯᠠᠨ ᠪᠡᠯᠡ ᠮᠥᠩᠭᠥ ᠵᠢᠨ ᠳᠡᠮᠵᠢᠯᠭᠡ ᠵᠢ ᠤᠯᠬᠤ᠎ᠪᠠᠷ ᠢᠳᠡᠪᠬᠢᠲᠡᠶ ᠴᠢᠷᠮᠠᠶ᠋ᠢᠵᠤ ᠪᠣᠢ᠃
      ᠬᠥᠲᠥᠯᠥᠭᠴᠢ᠄
      ᠯᠢᠦ ᠡᠷᠬᠢᠯᠡᠭᠴᠢ ᠡ᠂ ᠰᠠᠶᠢ ᠲᠠᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠠᠬᠢᠭᠤᠯᠬᠤ ᠵᠢ ᠶᠠᠷᠢᠭᠰᠠᠨ ᠪᠠᠶ᠋ᠢᠨ᠎ᠠ᠂ ᠲᠡᠭᠡᠪᠡᠯ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠠᠬᠢᠭᠤᠯᠬᠤ ᠲᠠᠯ᠎ᠠ᠎ᠪᠠᠷ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠴᠥᠮ ᠶᠠᠮᠠᠷ ᠶᠠᠮᠠᠷ ᠪᠣᠳᠠᠲᠠᠶ ᠠᠷᠭ᠎ᠠ ᠠᠪᠤᠭᠰᠠᠨ ᠪᠣᠢ?
      ᠯᠢᠦ ᠯᠠᠨ ᠶᠢᠩ᠄
      ᠪᠢᠳᠡ ᠳᠡᠭᠡᠪᠦᠷ ᠵᠢᠷᠤᠭ ᠲᠥᠯᠥᠪᠯᠡᠭᠡ ᠪᠠ ᠦᠢ᠍ᠯᠡᠳᠦᠯᠭᠡ ᠵᠢᠨ ᠬᠠᠶ᠋ᠢᠨ ᠰᠦᠪᠡᠭᠴᠢᠯᠡᠯᠲᠡ ᠵᠢ ᠤᠶᠠᠯᠳᠤᠭᠤᠯᠬᠤ ᠵᠢ ᠪᠠᠷᠢᠮᠲᠠᠯᠠᠨ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶ᠋ᠢᠭᠤᠯᠤᠯ ᠲᠣᠭᠲᠠᠴᠠ ᠵᠢ ᠲᠠᠰᠤᠷᠠᠯᠲᠠ ᠦᠭᠡᠢ ᠰᠢᠨ᠎ᠡ᠎ᠪᠠᠷ ᠡᠭᠦᠳᠦᠨ᠂ ᠰᠢᠨ᠎ᠡ ᠰᠢᠪᠲᠤᠯᠤᠯᠲᠠ ᠭᠠᠷᠭ᠋ᠠᠬᠤ᠎ᠪᠠᠷ ᠴᠢᠷᠮᠠᠢ᠌ᠵᠤ ᠪᠤᠢ᠃ ᠨᠢᠭᠡ᠎ᠳᠤ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠱᠠᠭ᠋ᠠᠷᠳᠠᠯᠭ᠎ᠠ ᠶᠣᠰᠣᠭ᠋ᠠᠷ᠂ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ ᠵᠢ ᠦᠷᠭᠦᠯᠵᠢᠯᠡᠨ ᠠᠬᠢᠭᠤᠯᠵᠤ᠂ 《ᠲᠠᠯᠪᠢᠬᠤ᠂ ᠬᠠᠮᠢᠶᠠᠷᠬᠤ᠂ ᠦᠢ᠍ᠯᠡᠴᠢᠯᠡᠬᠦ》 ᠥᠭᠡᠷᠡᠴᠢᠯᠡᠯᠲᠡ ᠵᠢ ᠲᠠᠰᠤᠷᠠᠯᠲᠠ ᠦᠭᠡᠢ ᠭᠦᠨᠵᠡᠭᠡᠢ᠌ᠷᠡᠭᠦᠯᠦᠨ᠎ᠡ᠃ ᠣᠳᠣᠬᠠᠨ᠎ᠳᠤ᠂ ᠮᠠᠨ᠎ᠤ ᠵᠥᠪᠯᠡᠯ ᠤᠷᠢᠳ ᠬᠣᠵᠢᠳ ᠬᠣᠶᠠᠷ ᠤᠳᠠᠭ᠎ᠠ ᠨᠡᠢ᠍ᠢ᠍ᠲᠡ 48 ᠵᠦᠢ᠍ᠯ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠳᠣᠷᠣᠭᠰᠢ ᠪᠠᠭᠤᠯᠭ᠋ᠠᠵᠤ᠂ ᠲᠦᠩᠯᠢᠶᠣᠤ ᠬᠤᠳᠠ ᠵᠢᠨ ᠳᠣᠷᠣᠭᠰᠢ ᠪᠠᠭᠤᠯᠭ᠋ᠠᠭᠰᠠᠨ ᠬᠢᠨᠠᠨ ᠵᠥᠪᠰᠢᠶᠡᠷᠡᠬᠦ ᠵᠦᠢ᠍ᠯᠡᠰ᠎ᠤᠨ ᠬᠠᠭ᠋ᠠᠰ᠎ᠠᠴᠠ ᠳᠡᠭᠡᠭᠰᠢᠬᠢ ᠵᠢ ᠡᠵᠡᠯᠡᠵᠦ᠂ ᠪᠠᠭᠤᠯᠭ᠋ᠠᠵᠤ ᠪᠣᠯᠬᠤ ᠵᠢ᠎ᠨᠢ ᠪᠦᠭᠦᠳᠡ ᠵᠢ ᠪᠠᠭᠤᠯᠭ᠋ᠠᠭᠰᠠᠨ ᠭᠡᠵᠦ ᠪᠣᠯᠤᠨ᠎ᠠ᠃ ᠡᠨᠡ ᠵᠢᠯ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠰᠢᠨ᠎ᠡ ᠱᠠᠭ᠋ᠠᠷᠳᠠᠯᠭ᠎ᠠ ᠶᠣᠰᠣᠭ᠋ᠠᠷ᠂ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ ᠵᠢ ᠦᠷᠭᠦᠯᠵᠢᠯᠡᠨ ᠭᠦᠨᠵᠡᠭᠡᠶ᠋ᠢᠷᠡᠭᠦᠯᠬᠦ ᠪᠣᠯᠣᠨ᠎ᠠ᠃ ᠡᠭᠦᠨ᠎ᠤ ᠬᠠᠮᠲᠤ ᠠᠵᠢᠯ᠎ᠤᠨ ᠭᠣᠣᠯᠳᠠᠯᠭ᠎ᠠ᠎ᠪᠠᠨ ᠦᠢ᠍ᠯᠡᠴᠢᠯᠡᠭᠡᠨ ᠳᠡᠭᠡᠷ᠎ᠡ ᠲᠠᠯᠪᠢᠵᠤ᠂ 《ᠠᠵᠢᠯ᠎ᠤᠨ ᠰᠤᠷᠲᠠᠯ ᠵᠶ᠋ᠠᠨ ᠬᠠᠯᠠᠨ ᠰᠠᠢ᠌ᠵᠢᠷᠠᠭᠤᠯᠵᠤ ᠦᠢ᠍ᠯᠡᠴᠢᠯᠡᠭᠡ ᠵᠢ ᠦᠨᠳᠦᠰᠦᠨ ᠱᠠᠲᠤᠨ᠎ᠳᠤ ᠬᠦᠷᠭᠡᠬᠦ》 ᠠᠵᠢᠯᠯᠠᠭ᠎ᠠ ᠵᠢ ᠥᠷᠨᠢᠭᠦᠯᠬᠦ᠎ᠪᠠᠷ ᠳᠠᠮᠵᠢᠭᠤᠯᠤᠨ᠂ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠭᠤᠯᠤᠯ ᠵᠡᠷᠭᠡ ᠠᠷᠭ᠎ᠠ ᠬᠡᠮᠵᠢᠶ᠎ᠡ ᠵᠢ ᠴᠢᠩᠭ᠋ᠠᠳᠬᠠᠵᠤ᠂ ᠬᠣᠲᠠ ᠵᠢᠨ ᠲᠤᠰ ᠱᠠᠲᠤᠨ᠎ᠤ ᠵᠠᠰᠠᠭ ᠵᠠᠬᠢᠷᠭ᠋ᠠᠨ᠎ᠤ ᠡᠷᠬᠡ ᠮᠠᠳᠠᠯ᠎ᠢ ᠳᠣᠷᠣᠭᠰᠢ ᠪᠠᠭᠤᠯᠭ᠋ᠠᠵᠤ᠂ ᠬᠣᠰᠢᠭᠤ ᠰᠢᠶᠠᠨ ᠬᠤᠳᠠ ᠲᠣᠭᠣᠷᠢᠭ ᠪᠦᠷ ᠲᠤᠰᠤᠨ ᠠᠪᠴᠤ ᠳᠡᠢ᠌ᠯᠬᠦ ᠵᠢ ᠪᠡᠶᠡᠯᠡᠭᠦᠯᠬᠦ ᠪᠣᠯᠣᠨ᠎ᠠ᠃ 《ᠲᠣᠰᠬᠤ ᠪᠠ ᠪᠠᠭᠤᠯᠭ᠋ᠠᠬᠤ》 ᠵᠢ ᠰᠠᠶ᠋ᠢᠲᠤᠷ ᠬᠢᠬᠦ ᠵᠢᠨ ᠬᠠᠮᠲᠤ ᠬᠢᠨᠠᠨ ᠵᠥᠪᠰᠢᠶᠡᠷᠡᠬᠦ ᠵᠢᠷᠤᠮ᠎ᠢ ᠲᠠᠰᠤᠷᠠᠯᠳᠠ ᠦᠭᠡᠢ ᠳᠥᠭᠥᠮᠴᠢᠯᠡᠵᠦ᠂ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠬᠢᠨᠠᠨ ᠵᠥᠪᠰᠢᠶᠡᠷᠡᠬᠦ ᠴᠠᠭ᠎ᠤᠨ ᠬᠢᠵᠠᠭ᠋ᠠᠷ᠎ᠢ ᠦᠷᠭᠦᠯᠵᠢᠯᠡᠨ ᠪᠣᠭᠣᠨᠢᠰᠬᠠᠵᠤ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ ᠪᠠ ᠬᠥᠳᠡᠯᠭᠡᠭᠴᠢ ᠬᠦᠴᠦᠨ᠎ᠢ ᠤᠯᠠᠮ ᠨᠢᠭᠡ ᠠᠯᠬᠤᠮ ᠬᠥᠭᠵᠢᠭᠡᠨ᠎ᠡ᠃
      ᠬᠣᠶᠠᠷ᠎ᠲᠤ ᠠᠵᠤ ᠠᠬᠤᠶ᠋ᠢᠯᠠᠯ᠎ᠤᠨ ᠪᠡᠯᠡ ᠣᠷᠣᠭᠤᠯᠬᠤ ᠲᠥᠷᠥᠯ ᠵᠦᠢ᠍ᠯ᠎ᠢ ᠰᠦᠯᠵᠢᠶᠡᠨ ᠳᠡᠭᠡᠷ᠎ᠡ ᠬᠣᠯᠪᠣᠭ᠋ᠠᠯᠠᠨ ᠬᠢᠨᠠᠨ ᠵᠥᠪᠰᠢᠶᠡᠷᠡᠬᠦ ᠪᠦᠷᠬᠦᠯᠲᠡ ᠵᠢᠨ ᠬᠡᠪᠴᠢᠶ᠎ᠡ ᠵᠢ ᠤᠯᠠᠮ ᠨᠢᠭᠡ ᠠᠯᠬᠤᠮ ᠥᠷᠭᠡᠳᠬᠡᠵᠦ᠂ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠲᠠᠪᠴᠠᠩ᠎ᠤᠨ ᠬᠥᠨᠳᠡᠯᠡᠨ ᠭᠤᠯᠳᠤ᠎ᠪᠠᠷ ᠨᠡᠪᠲᠡᠷᠡᠬᠦ ᠵᠢ ᠪᠡᠶᠡᠯᠡᠭᠦᠯᠵᠦ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠭᠤᠷᠪᠠ᠎ᠳᠤ ᠭᠣᠣᠯᠳᠠᠯᠭ᠎ᠠ᠎ᠲᠠᠢ ᠬᠦᠷᠢᠶᠡᠨ᠎ᠤ ᠪᠦᠲᠦᠭᠡᠨ ᠪᠠᠶ᠋ᠢᠭᠤᠯᠤᠯᠲᠠ᠎ᠳᠤ ᠪᠡᠯᠡ ᠣᠷᠣᠭᠤᠯᠬᠤ ᠰᠠᠭᠤᠷᠢ ᠮᠥᠩᠭᠥ ᠵᠢ ᠬᠥᠭᠵᠢᠭᠦᠯᠬᠦ ᠵᠢ ᠵᠣᠷᠢᠭᠵᠢᠭᠤᠯᠤᠨ ᠳᠡᠮᠵᠢᠨ᠎ᠡ᠃ ᠠᠷᠠᠳ᠎ᠤᠨ ᠬᠥᠷᠥᠨᠭᠭᠡ ᠵᠢ ᠬᠤᠪᠢ᠎ᠪᠠᠷ ᠵᠶ᠋ᠠᠨ ᠴᠤᠭᠯᠠᠭᠤᠯᠬᠤ ᠵᠡᠷᠭᠡ ᠠᠷᠭ᠎ᠠ ᠮᠠᠶᠢᠭ ᠵᠶ᠋ᠠᠷ ᠡᠭᠦᠰᠭᠡᠨ ᠪᠠᠶ᠋ᠢᠭᠤᠯᠤᠨ ᠭᠣᠣᠯᠳᠠᠭᠤ ᠤᠯᠠᠨ ᠨᠡᠶ᠋ᠢᠲᠡ ᠵᠢᠨ ᠦᠢ᠍ᠯᠡᠴᠢᠯᠡᠭᠡ᠂ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠰᠠᠭᠤᠷᠢ ᠪᠡᠯᠡᠳᠬᠡᠮᠵᠢ᠂ ᠣᠷᠣᠨ ᠪᠦᠰᠡ ᠵᠢᠨ ᠨᠡᠭᠡᠭᠡᠨ ᠬᠥᠭᠵᠢᠭᠦᠯᠦᠯᠲᠡ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠂ ᠲᠡᠷᠢᠭᠦᠨ᠎ᠤ ᠦᠢ᠍ᠯᠡᠳᠬᠦ ᠦᠢ᠍ᠯᠡᠰ ᠵᠡᠷᠭᠡ ᠬᠦᠷᠢᠶᠡᠨ᠎ᠳᠠᠬᠢ ᠠᠵᠤ ᠦᠢ᠍ᠯᠡᠰ᠎ᠤᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠥ᠎ᠳᠤ ᠪᠡᠯᠡ ᠣᠷᠣᠭᠤᠯᠬᠤ ᠵᠢ ᠵᠣᠷᠢᠭᠵᠢᠭᠤᠯᠵᠤ᠂ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠴᠢᠨᠠᠷᠲᠠᠶ ᠪᠡᠯᠡ ᠮᠥᠩᠭᠥ᠎ᠪᠠᠷ ᠬᠣᠪᠢᠴᠠᠭ᠎ᠠ ᠬᠤᠳᠠᠯᠳᠤᠨ ᠠᠪᠴᠤ ᠰᠠᠭᠤᠷᠢ ᠮᠥᠩᠭᠥ ᠵᠢᠨ ᠬᠥᠭᠵᠢᠯᠲᠡ ᠵᠢ ᠳᠡᠮᠵᠢᠬᠦ ᠬᠠᠮᠢᠶ᠎ᠠ ᠪᠥᠬᠥᠢ ᠬᠠᠮᠢᠶᠠᠷᠤᠯᠲᠠ ᠵᠢᠨ ᠠᠷᠭ᠎ᠠ ᠵᠢ ᠭᠠᠷᠳᠠᠨ ᠰᠤᠳᠤᠯᠤᠨ᠎ᠠ᠃ ᠪᠢᠳᠡ ᠶᠠᠭ ᠮᠣᠩᠭᠣᠯ ᠡᠮ ᠡᠮᠨᠡᠯᠭᠡ ᠵᠢᠨ ᠠᠵᠤ ᠦᠢ᠍ᠯᠡᠰ᠎ᠤᠨ ᠰᠠᠭᠤᠷᠢ ᠮᠥᠩᠭᠥ ᠵᠢᠨ ᠲᠠᠪᠴᠠᠩ᠎ᠢ ᠭᠠᠷᠳᠠᠨ ᠪᠠᠶ᠋ᠢᠭᠤᠯᠵᠤ᠂ ᠡᠨᠡ ᠬᠦ᠌ ᠲᠠᠪᠴᠠᠩ᠎ᠢ ᠰᠠᠭᠤᠷᠢ ᠮᠥᠩᠭᠥ ᠵᠢ ᠬᠥᠭᠵᠢᠭᠦᠯᠬᠦ ᠦᠯᠢᠭᠡᠷ ᠳᠠᠭᠤᠷᠢᠶᠠᠯ᠎ᠤᠨ ᠢᠨᠵᠧᠨᠧᠷᠢᠩ ᠪᠣᠯᠭ᠋ᠠᠨ ᠪᠠᠢ᠌ᠭᠤᠯᠵᠤ᠂ᠦᠯᠢᠭᠡᠷ ᠳᠠᠭᠤᠷᠢᠶᠠᠯ᠎ᠤᠨ ᠳᠠᠶ᠋ᠢᠴᠢᠯᠠᠬᠤ ᠦᠢ᠍ᠯᠡᠳᠦᠯ ᠪᠠᠳᠠᠷᠠᠭᠤᠯᠬᠤ ᠵᠢ ᠬᠦᠰᠡᠵᠦ ᠪᠤᠢ᠃ ᠳᠦᠷᠪᠡ᠎ᠳᠤ᠂ ᠨᠡᠶ᠋ᠢᠭᠡᠮ᠎ᠤᠨ ᠪᠡᠯᠡ ᠣᠷᠣᠭᠤᠯᠤᠯᠲᠠ ᠵᠢ ᠤᠯᠠᠮ ᠨᠢᠭᠡ ᠠᠯᠬᠤᠮ ᠵᠣᠷᠢᠭᠵᠢᠭᠤᠯᠬᠤ᠂ ᠵᠠᠰᠠᠭ᠎ᠤᠨ ᠣᠷᠳᠣᠨ ᠪᠣᠯᠣᠨ ᠨᠡᠶ᠋ᠢᠭᠡᠮ᠎ᠤᠨ ᠬᠦᠷᠦᠩᠭᠡ ᠵᠢᠨ ᠬᠣᠷᠰᠢᠯᠴᠠᠭ᠎ᠠ (PPP) ᠵᠢᠨ ᠬᠡᠪ ᠵᠠᠭᠪᠤᠷ᠎ᠢ ᠶᠡᠬᠡᠪᠡᠷ ᠳᠡᠯᠭᠡᠷᠡᠭᠦᠯᠵᠦ᠂ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠠᠷᠭ᠎ᠠ ᠮᠠᠶᠢᠭ᠂ ᠡᠵᠡᠩᠨᠡᠯᠲᠡ ᠵᠢᠨ ᠠᠷᠭ᠎ᠠ ᠮᠠᠶᠢᠭ᠂ ᠠᠰᠢᠭ ᠤᠯᠬᠤ ᠵᠠᠭᠪᠤᠷ᠂ ᠪᠡᠯᠡ ᠣᠷᠣᠭᠤᠯᠤᠯᠲᠠ ᠵᠢᠨ ᠠᠰᠢᠭ ᠬᠦᠷᠳᠡᠬᠦ ᠵᠡᠷᠭᠡ ᠬᠣᠯᠪᠣᠭᠳᠠᠯ ᠪᠦᠬᠦᠢ ᠲᠦᠷᠦ ᠵᠢᠨ ᠪᠤᠳᠤᠯᠭ᠎ᠠ ᠵᠢ ᠪᠦᠷᠢᠨᠰᠢᠭᠦᠯᠵᠦ᠂ ᠨᠡᠶ᠋ᠢᠭᠡᠮ᠎ᠤᠨ ᠪᠡᠯᠡ ᠮᠥᠩᠭᠥ ᠵᠢᠨ ᠪᠡᠯᠡ ᠣᠷᠣᠭᠤᠯᠤᠯᠲᠠ ᠵᠢ ᠳᠠᠶ᠋ᠢᠴᠢᠯᠠᠬᠤ ᠪᠣᠯᠣᠨ᠎ᠠ᠃
      ᠬᠥᠲᠥᠯᠥᠭᠴᠢ᠄
      ᠵᠠ᠂ ᠯᠢᠦ ᠡᠷᠬᠢᠯᠡᠭᠴᠢ ᠵᠢᠨ ᠬᠦᠯᠢᠴᠡᠩᠭᠦᠶ ᠲᠠᠢ᠌ᠯᠤᠮᠵᠢ ᠬᠢᠭᠰᠡᠨ᠎ᠳᠤ ᠲᠤᠢ᠌ᠯ ᠵᠶ᠋ᠠᠷ ᠲᠠᠯᠠᠷᠬᠠᠵᠤ ᠪᠠᠢ᠌ᠨ᠎ᠠ᠂ ᠲᠤᠰᠬᠠᠶ ᠮᠡᠷᠭᠡᠵᠢᠯ᠎ᠤᠨ ᠡᠭᠦᠳᠡᠨ᠎ᠠᠴᠠ ᠢᠷᠡᠵᠦ ᠮᠠᠰᠢ ᠨᠠᠷᠢᠨ ᠨᠢᠮᠪᠠᠢ ᠲᠠᠢ᠌ᠯᠪᠤᠷᠢᠯᠠᠭᠰᠠᠨ ᠪᠠᠢ᠌ᠨ᠎ᠠ᠂ ᠰᠦᠯᠵᠢᠶᠡᠨ᠎ᠤ ᠠᠨᠳᠠ ᠨᠠᠷ᠎ᠤᠨ ᠣᠷᠣᠯᠴᠠᠭᠰᠠᠨ᠎ᠳᠤ ᠲᠠᠯᠠᠷᠬᠠᠯ᠎ᠠ! ᠴᠠᠭ᠎ᠤᠨ ᠬᠠᠷᠠᠭ᠎ᠠ᠎ᠠᠴᠠ ᠪᠤᠯᠵᠤ᠂ ᠥᠨᠥᠳᠦᠷ᠎ᠤᠨ ᠰᠤᠷᠪᠤᠯᠵᠢᠯᠠᠭ᠎ᠠ ᠡᠨᠳᠡ ᠬᠦᠷᠦᠭᠡᠳ ᠵᠠᠪᠰᠠᠷᠯᠠᠯ᠎ᠠ᠂   ᠳᠠᠷᠠᠭ᠋ᠠᠴᠢ ᠵᠢᠨ ᠫᠷᠦᠭᠷᠡᠮ᠎ᠳᠤ ᠪᠠᠶᠠᠷᠲᠠᠶ ᠵᠤᠯᠭ᠋ᠠᠶ᠎ᠠ!


ᠲᠦᠩᠯᠢᠶᠣᠤ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠣᠣᠯ ᠳᠤᠭᠤᠶ᠋ᠢᠯᠠᠩ᠎ᠤᠨ ᠰᠤᠷᠤᠯᠴᠠᠬᠤ ᠬᠤᠷᠠᠯ

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠬᠣᠲᠠ ᠵᠢᠨ ᠲᠥᠯᠥᠪᠵᠢᠭᠦᠯᠭᠡ ᠵᠢᠨ ᠵᠢᠷᠤᠭ ᠲᠥᠯᠥᠪᠯᠡᠭᠡ ᠵᠢ ᠰᠠᠢ᠌ᠲᠤᠷ ᠵᠢᠷᠤᠰᠤᠭ᠋ᠠᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠬᠡᠷ ᠬᠣᠨᠢ ᠢᠮᠠᠭ᠎ᠠ ᠨᠢᠲᠤᠯᠬᠤ ᠬᠠᠮᠢᠶᠠᠷᠤᠯᠲᠠ ᠵᠢᠨ ᠠᠷᠭ᠎ᠠ》 ᠵᠢᠨ ᠲᠠᠶ᠋ᠢᠯᠤᠮᠵᠢ
《ᠬᠥᠬᠡᠬᠣᠲᠠ ᠪᠤᠭᠤᠲᠤ ᠤᠷᠳᠤᠰ᠎ᠤᠨ ᠬᠠᠮᠵᠢᠯᠴᠠᠨ ᠬᠥᠭᠵᠢᠭᠦᠯᠬᠦ ᠲᠥᠯᠥᠪᠵᠢᠭᠦᠯᠭᠡ ᠵᠢᠨ ᠬᠥᠲᠥᠯᠪᠦᠷᠢ (2016 — 2020 ᠣᠨ)》 ᠵᠢᠨ ᠲᠠᠶ᠋ᠢᠯᠤᠮᠵᠢ
ᠥᠪᠥᠷ ᠮᠣᠩᠭᠣᠯ ᠡᠷᠳᠡᠨᠢ ᠰᠢᠰᠢ ᠵᠢᠨ ᠲᠠᠷᠢᠮᠠᠯ᠎ᠤᠨ ᠪᠦᠲᠦᠴᠡ᠎ᠳᠤ ᠲᠣᠬᠢᠷᠠᠭᠤᠯᠤᠯᠲᠠ ᠬᠢᠪᠡ
ᠡᠵᠡᠩᠨᠡᠯᠲᠡ ᠵᠢᠨ ᠭᠠᠶ᠋ᠢᠯᠢ ᠵᠢ ᠥᠷᠲᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠵᠢ ᠪᠦᠬᠦ ᠲᠠᠯ᠎ᠠ᠎ᠪᠠᠷ ᠬᠡᠷᠡᠭᠵᠢᠭᠦᠯᠵᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠳᠤᠮᠳᠠ ᠨᠡᠮᠡᠭᠳᠡᠯ᠎ᠢ ᠲᠣᠭᠲᠠᠪᠤᠷᠢᠵᠢᠭᠤᠯᠵᠤ ᠪᠦᠲᠦᠴᠡ᠎ᠳᠤ ᠲᠣᠬᠢᠷᠠᠭᠤᠯᠤᠯᠲᠠ ᠬᠢᠵᠦ ᠬᠥᠳᠡᠯᠭᠡᠬᠦ ᠴᠢᠳᠠᠪᠬᠢ ᠵᠢ ᠨᠡᠮᠡᠭᠳᠡᠭᠦᠯᠦᠨ᠎ᠡ
 
            