ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
《ᠪᠡᠭᠡᠵᠢᠩ ᠥᠪᠥᠷ ᠮᠣᠩᠭᠣᠯ᠎ᠤᠨ ᠠᠵᠢᠯ ᠲᠦᠷᠦᠯ ᠵᠶ᠋ᠠᠷ ᠵᠶ᠋ᠠᠨ ᠬᠠᠪᠰᠤᠷᠤᠨ ᠲᠡᠳᠬᠦᠬᠦ ᠪᠠ ᠪᠥᠭᠥ ᠲᠠᠯ᠎ᠠ᠎ᠪᠠᠷ ᠬᠠᠮᠲᠤᠷᠠᠯᠴᠠᠬᠤ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠪᠡᠭᠡᠵᠢᠩ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠳᠦᠭᠦᠪᠴᠢ ᠵᠦᠪᠳᠡᠯᠴᠡᠬᠡᠷ》᠎ᠤᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2017-01-16

      ᠰᠤᠷᠪᠤᠯᠵᠢᠯᠠᠭᠰᠠᠨ ᠴᠠᠭ᠄
     2016 ᠤᠨ᠎ᠤ 12 ᠳ᠋ᠤᠭ᠋ᠠᠷ ᠰᠠᠷ᠎ᠠ ᠵᠢᠨ 6᠎ᠤ ᠡᠳᠦᠷ᠎ᠤᠨ ᠦᠳᠡ ᠵᠢᠨ ᠡᠮᠦᠨᠡᠬᠢ 10 ᠴᠠᠭ
      ᠰᠤᠷᠪᠤᠯᠵᠢᠯᠠᠭᠰᠠᠨ ᠵᠤᠴᠢᠨ᠄
      ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠎ᠤᠨ ᠳᠡᠳ᠋ ᠡᠷᠬᠢᠯᠡᠭᠴᠢ ᠺᠸ ᠶᠦᠩ ᠬᠦᠸᠸ
      ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
      ᠪᠡᠭᠡᠵᠢᠩ ᠥᠪᠥᠷ ᠮᠣᠩᠭᠣᠯ᠎ᠤᠨ ᠠᠵᠢᠯ ᠲᠦᠷᠦᠯ ᠵᠶ᠋ᠠᠷ ᠵᠶ᠋ᠠᠨ ᠬᠠᠪᠰᠤᠷᠤᠨ ᠲᠡᠳᠬᠦᠬᠦ ᠪᠠ ᠬᠠᠮᠲᠤᠷᠠᠯᠴᠠᠬᠤ ᠶᠠᠪᠤᠳᠠᠯ ᠪᠣᠯ ᠲᠥᠪ᠎ᠤᠨ ᠵᠡᠭᠦᠨ ᠪᠠᠷᠠᠭᠤᠨ ᠪᠦᠰᠡ ᠵᠢᠨ ᠶᠠᠳᠠᠭᠤ ᠵᠢ ᠲᠡᠳᠬᠦᠬᠦ ᠬᠠᠮᠵᠢᠯᠴᠠᠭ᠋ᠠᠨ᠎ᠤ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠯᠠᠭᠤᠯᠤᠯᠲᠠ ᠮᠦᠨ᠂ ᠦᠨᠳᠦᠰᠦᠲᠡᠨ᠎ᠤ ᠭᠠᠵᠠᠷ ᠣᠷᠣᠨ᠂ ᠪᠠᠷᠠᠭᠤᠨ ᠪᠦᠰᠡ ᠵᠢᠨ ᠭᠠᠵᠠᠷ ᠣᠷᠣᠨ᠎ᠤ ᠬᠥᠭᠵᠢᠯᠲᠡ ᠵᠢ ᠳᠡᠮᠵᠢᠬᠦ ᠴᠢᠬᠤᠯᠠ ᠶᠡᠬᠡ ᠰᠢᠢᠳᠪᠦᠷᠢᠲᠦ ᠪᠤᠳᠤᠯᠭ᠎ᠠ ᠮᠦᠨ᠂ ᠪᠠᠰᠠ ᠴᠤ᠌ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ ᠵᠢ ᠲᠤᠤᠱᠯᠠᠭᠤᠯᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠴᠡᠴᠡᠭᠯᠡᠨ ᠬᠥᠭᠵᠢᠬᠦ ᠵᠢ ᠠᠬᠢᠭᠤᠯᠬᠤ ᠴᠢᠬᠤᠯᠠ ᠶᠡᠬᠡ ᠠᠷᠭ᠎ᠠ ᠬᠡᠮᠵᠢᠶ᠎ᠡ ᠮᠦᠨ᠃ ᠤᠢ᠌ᠷ᠎ᠠ᠎ᠳᠤ ᠪᠢᠳᠡ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠎ᠤᠨ ᠳᠡᠳ᠋ ᠡᠷᠬᠢᠯᠡᠭᠴᠢ ᠺᠸ ᠶᠦᠩ ᠬᠦᠸᠸ᠎ᠢ 《ᠳᠤᠮᠳᠠᠳᠤ ᠤᠯᠤᠰ ᠥᠪᠥᠷ ᠮᠣᠩᠭᠣᠯ》 ᠰᠦᠯᠵᠢᠶᠡᠨ ᠰᠤᠷᠪᠤᠯᠵᠢᠯᠠᠭ᠎ᠠ᠎ᠳᠤ ᠤᠷᠢᠵᠤ᠂ 《ᠪᠡᠭᠡᠵᠢᠩ ᠥᠪᠥᠷ ᠮᠣᠩᠭᠣᠯ᠎ᠤᠨ ᠠᠵᠢᠯ ᠲᠦᠷᠦᠯ ᠵᠶ᠋ᠠᠷ ᠵᠶ᠋ᠠᠨ ᠬᠠᠪᠰᠤᠷᠤᠨ ᠲᠡᠳᠬᠦᠬᠦ ᠪᠠ ᠪᠥᠭᠥ ᠲᠠᠯ᠎ᠠ᠎ᠪᠠᠷ ᠬᠠᠮᠲᠤᠷᠠᠯᠴᠠᠬᠤ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠪᠡᠭᠡᠵᠢᠩ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠳᠦᠭᠦᠪᠴᠢ ᠵᠦᠪᠳᠡᠯᠴᠡᠭᠡᠷ》᠎ᠤᠨ ᠲᠤᠬᠠᠢ ᠰᠦᠯᠵᠢᠶᠡᠨ ᠠᠨᠳᠠ᠎ᠲᠠᠢ ᠰᠠᠨᠠᠯ ᠰᠤᠯᠢᠯᠴᠠᠭᠤᠯᠬᠤ᠎ᠪᠠᠷ ᠪᠤᠢ᠂ ᠥᠷᠭᠡᠨ ᠣᠯᠠᠨ ᠰᠦᠯᠵᠢᠶᠡᠨ ᠠᠨᠳᠠ ᠨᠠᠷ᠎ᠤᠨ ᠢᠳᠡᠪᠬᠢᠲᠡᠶ ᠤᠷᠤᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ!  


                          ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ

      ᠬᠥᠲᠥᠯᠥᠭᠴᠢ᠄
      ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨ᠎ᠠ ᠤᠤ! ᠲᠣᠰ ᠬᠤᠭᠤᠴᠠᠭ᠋ᠠᠨ᠎ᠤ 《ᠳᠤᠮᠳᠠᠳᠤ ᠤᠯᠤᠰ ᠥᠪᠥᠷ ᠮᠣᠩᠭᠣᠯ》 ᠰᠦᠯᠵᠢᠶᠡᠨ ᠰᠤᠷᠪᠤᠯᠵᠢᠯᠠᠭ᠎ᠠ ᠵᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠎ᠤᠨ ᠳᠡᠳ᠋ ᠡᠷᠭᠢᠯᠡᠭᠴᠢ ᠺᠸ ᠶᠦᠨᠭ ᠭᠦᠸᠸ᠎ᠢ ᠤᠷᠢᠵᠤ᠂ 《ᠪᠡᠭᠡᠵᠢᠩ ᠥᠪᠥᠷ ᠮᠣᠩᠭᠣᠯ᠎ᠤᠨ ᠠᠵᠢᠯ ᠲᠦᠷᠦᠯ ᠵᠶ᠋ᠠᠷ ᠵᠶ᠋ᠠᠨ ᠬᠠᠪᠰᠤᠷᠤᠨ ᠲᠡᠳᠬᠦᠬᠦ ᠪᠠ ᠪᠥᠭᠥ ᠲᠠᠯ᠎ᠠ᠎ᠪᠠᠷ ᠬᠠᠮᠲᠤᠷᠠᠯᠴᠠᠬᠤ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠪᠡᠭᠡᠵᠢᠩ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠳᠦᠭᠦᠪᠴᠢ ᠵᠦᠪᠳᠡᠯᠴᠡᠭᠡᠷ》᠎ᠤᠨ ᠲᠤᠬᠠᠢ ᠲᠠ ᠪᠦᠬᠦᠨ᠎ᠳᠤ ᠲᠠᠢ᠌ᠯᠪᠤᠷᠢ ᠬᠢᠯᠬᠡᠬᠦ᠎ᠪᠠᠷ ᠪᠤᠯᠤᠯ᠎ᠠ᠃ ᠺᠸ ᠡᠷᠬᠢᠯᠡᠭᠴᠢ ᠵᠢ ᠪᠠᠶᠠᠷᠯᠠᠨ ᠤᠭᠲᠤᠵᠤ ᠪᠠᠶ᠋ᠢᠨ᠎ᠠ!
      ᠺᠸ ᠶᠦᠩ ᠬᠦᠸᠸ᠄
      ᠬᠥᠲᠥᠯᠥᠭᠴᠢ ᠰᠠᠶ᠋ᠢᠨ ᠪᠠᠢ᠌ᠨ᠎ᠠ ᠤᠤ᠂ ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨ᠎ᠠ ᠤᠤ!
      ᠬᠥᠲᠥᠯᠥᠭᠴᠢ᠄

      ᠲᠠ ᠪᠢᠳᠡᠨ᠎ᠳᠤ ᠥᠪᠡᠷᠲᠡᠭᠡᠨ ᠵᠠᠰᠠᠬᠤ ᠣᠷᠣᠨ ᠪᠣᠯᠤᠨ ᠪᠡᠭᠡᠵᠢᠩ ᠬᠤᠳᠠ 《ᠪᠦᠳᠦᠬᠦᠪᠴᠢ ᠵᠦᠪᠳᠡᠯᠴᠡᠭᠡᠷ》᠎ᠲᠤ ᠬᠠᠮᠲᠤ᠎ᠪᠠᠷ ᠭᠠᠷ᠎ᠤᠨ ᠦᠰᠦᠭ ᠵᠢᠷᠤᠭᠰᠠᠨ ᠠᠬᠤᠶ ᠪᠠᠶ᠋ᠢᠳᠠᠯ᠎ᠢ ᠶᠠᠷᠢᠭ᠋ᠠᠳ ᠦᠭᠭᠦᠨ᠎ᠡ ᠤᠤ?
      ᠺᠸ ᠶᠦᠩ ᠬᠦᠸᠸ᠄
      ᠪᠡᠭᠡᠵᠢᠩ ᠥᠪᠥᠷ ᠮᠣᠩᠭᠣᠯ᠎ᠤᠨ ᠠᠵᠢᠯ ᠲᠦᠷᠦᠯ ᠵᠶ᠋ᠠᠷ ᠵᠶ᠋ᠠᠨ ᠬᠠᠪᠰᠤᠷᠤᠨ ᠲᠡᠳᠬᠦᠬᠦ ᠪᠠ ᠬᠠᠮᠲᠤᠷᠠᠯᠴᠠᠬᠤ ᠶᠠᠪᠤᠳᠠᠯ ᠪᠤᠯ ᠲᠥᠪ᠎ᠤᠨ ᠵᠡᠭᠦᠨ ᠪᠠᠷᠠᠭᠤᠨ ᠪᠦᠰᠡ ᠵᠢᠨ ᠶᠠᠳᠠᠭᠤ ᠵᠢ ᠲᠡᠳᠬᠦᠬᠦ ᠬᠠᠮᠵᠢᠯᠴᠠᠭ᠋ᠠᠨ᠎ᠤ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠯᠠᠭᠤᠯᠤᠯᠲᠠ ᠮᠦᠨ᠂ ᠦᠨᠳᠦᠰᠦᠲᠡᠨ᠎ᠤ ᠭᠠᠵᠠᠷ ᠣᠷᠣᠨ᠂ ᠪᠠᠷᠠᠭᠤᠨ ᠪᠦᠰᠡ ᠵᠢᠨ ᠭᠠᠵᠠᠷ ᠣᠷᠣᠨ᠎ᠤ ᠬᠥᠭᠵᠢᠯᠲᠡ ᠵᠢᠨ ᠴᠢᠬᠤᠯᠠ ᠶᠡᠬᠡ ᠰᠢᠢᠳᠪᠦᠷᠢᠲᠦ ᠪᠤᠳᠤᠯᠭ᠎ᠠ ᠮᠦᠨ᠂ ᠪᠠᠰᠠ ᠴᠤ᠌   ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ ᠵᠢ ᠲᠤᠤᠱᠯᠠᠭᠤᠯᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠴᠡᠴᠡᠭᠯᠡᠨ ᠬᠥᠭᠵᠢᠬᠦ ᠵᠢ ᠠᠬᠢᠭᠤᠯᠬᠤ ᠴᠢᠬᠤᠯᠠ ᠶᠡᠬᠡ ᠠᠷᠭ᠎ᠠ ᠬᠡᠮᠵᠢᠶ᠎ᠡ ᠮᠦᠨ᠃ 1996 ᠣᠨ᠎ᠳᠤ ᠤᠯᠤᠰ᠎ᠠᠴᠠ ᠪᠡᠭᠡᠵᠢᠩ ᠥᠪᠥᠷ ᠮᠣᠩᠭᠣᠯ᠎ᠤᠨ ᠠᠵᠢᠯ ᠲᠦᠷᠦᠯ ᠵᠶ᠋ᠠᠷ ᠵᠶ᠋ᠠᠨ ᠬᠠᠪᠰᠤᠷᠤᠨ ᠲᠡᠳᠬᠦᠬᠦ ᠵᠢ ᠲᠤᠭᠲᠠᠭ᠋ᠠᠭᠰᠠᠨ᠎ᠠᠴᠠ ᠨᠠᠰᠢ᠂ ᠪᠡᠭᠡᠵᠢᠩ ᠬᠣᠲᠠ ᠶᠡᠬᠡ ᠬᠡᠮᠵᠢᠶᠡᠨ᠎ᠤ ᠬᠥᠮᠦᠨ᠎ᠤ ᠬᠦᠴᠦ᠂ ᠡᠳ᠋᠎ᠤᠨ ᠬᠦᠴᠦ ᠪᠤᠯᠤᠨ ᠪᠣᠳᠠᠰ᠎ᠤᠨ ᠬᠦᠴᠦ ᠤᠷᠤᠭᠤᠯᠵᠤ᠂ ᠥᠪᠥᠷ ᠮᠣᠩᠭᠣᠯ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠳᠡᠮᠵᠢᠭᠰᠡᠨ ᠪᠠᠢ᠌ᠨ᠎ᠠ᠃ 2010 ᠣᠨ᠎ᠳᠤ᠂ ᠪᠡᠭᠡᠵᠢᠩ ᠪᠤᠯᠤᠨ ᠥᠪᠥᠷ ᠮᠣᠩᠭᠣᠯ 《12·5》 ᠵᠢᠨ ᠲᠦᠯᠦᠪᠵᠢᠭᠦᠯᠭᠡ ᠵᠢᠨ ᠬᠤᠭᠤᠴᠠᠭ᠋ᠠᠨ᠎ᠤ ᠣᠷᠣᠨ ᠪᠦᠰᠡ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠦᠪᠳᠡᠯᠴᠡᠭᠡᠷ᠎ᠲᠤ ᠭᠠᠷ᠎ᠤᠨ ᠦᠰᠦᠭ ᠵᠢᠷᠤᠵᠤ᠂ ᠪᠡᠭᠡᠵᠢᠩ ᠬᠣᠲᠠ ᠳᠡᠮᠵᠢᠯᠭᠡ ᠦᠵᠡᠭᠦᠯᠬᠦ ᠡᠷᠴᠢᠮ ᠵᠶ᠋ᠠᠨ ᠤᠯᠠᠮ ᠨᠢᠭᠡ ᠠᠯᠬᠤᠮ ᠴᠢᠨᠭ᠌ᠭ᠋ᠠᠷᠠᠭᠤᠯᠵᠤ᠂ ᠤᠯᠠᠭ᠋ᠠᠨᠬᠠᠳᠠ ᠪᠤᠯᠤᠨ ᠤᠯᠠᠭ᠋ᠠᠨᠴᠠᠪ᠎ᠲᠤ ᠬᠠᠪᠰᠤᠷᠤᠨ ᠲᠡᠳᠬᠦᠬᠦ 200 ᠭᠠᠷᠤᠶ ᠲᠥᠷᠥᠯ ᠵᠦᠢ᠍ᠯ᠎ᠢ ᠬᠠᠨᠳᠤᠯᠭ᠋ᠠᠲᠤ ᠴᠢᠨᠠᠷᠲᠠᠶ᠎ᠪᠠᠷ ᠬᠡᠷᠡᠭᠵᠢᠭᠦᠯᠵᠦ᠂   ᠪᠡᠭᠡᠵᠢᠩ ᠬᠤᠲᠠ ᠵᠢᠨ ᠠᠵᠤ ᠠᠬᠤᠶ᠋ᠢᠯᠠᠯ᠎ᠢ ᠵᠣᠷᠢᠭᠵᠢᠭᠤᠯᠤᠨ ᠲᠡᠮᠵᠢᠵᠤ ᠪᠠᠢ᠌ᠭ᠋ᠠᠳ ᠥᠪᠥᠷ ᠮᠣᠩᠭᠣᠯ᠎ᠳᠤ 1900 ᠭᠠᠷᠤᠶ ᠲᠦᠷᠦᠯ ᠵᠦᠢ᠍ᠯ᠎ᠳᠤ ᠪᠡᠯᠡ ᠤᠷᠤᠭᠤᠯᠵᠤ᠂ 5600 ᠭᠠᠷᠤᠢ ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠵᠢ ᠨᠠᠢ᠌ᠳᠠᠪᠤᠷᠢᠵᠢᠭᠤᠯᠤᠭ᠋ᠠᠳ᠂ ᠪᠡᠭᠡᠵᠢᠩ ᠬᠣᠲᠠ᠎ᠨᠢ ᠥᠪᠥᠷ ᠮᠣᠩᠭᠣᠯ᠎ᠳᠤ ᠬᠠᠮᠤᠭ᠎ᠤᠨ ᠶᠡᠬᠡ ᠪᠡᠯᠡ ᠤᠷᠤᠭᠤᠯᠤᠭᠰᠠᠨ ᠭᠠᠵᠠᠷ ᠣᠷᠣᠨ ᠪᠤᠯᠤᠭᠰᠠᠨ ᠪᠠᠢ᠌ᠨ᠎ᠠ᠃ ᠪᠡᠭᠡᠵᠢᠩ ᠪᠠᠰᠠ ᠵᠠᠬ᠎ᠠ ᠳᠡᠯᠭᠡᠭᠦᠷ᠎ᠤᠨ ᠦᠷᠭᠡᠳᠭᠡᠯ᠂ ᠺᠠᠳ᠋ᠷ᠎ᠤᠨ ᠰᠣᠯᠢᠯᠴᠠᠭ᠎ᠠ᠂ ᠴᠢᠳᠠᠪᠤᠷᠢᠲᠠᠨ᠎ᠤ ᠪᠣᠯᠪᠠᠰᠤᠷᠠᠭᠤᠯᠤᠯ᠂ ᠰᠤᠷᠭ᠋ᠠᠨ

ᠬᠥᠮᠦᠵᠢᠯ᠂ ᠰᠢᠨᠵᠢᠯᠡᠬᠦ ᠤᠬᠠᠭ᠋ᠠᠨ ᠮᠡᠷᠭᠡᠵᠢᠯ᠂ ᠰᠣᠶᠣᠯ ᠪᠣᠯᠪᠠᠰᠤᠷᠠᠯ᠂ ᠡᠷᠡᠭᠦᠯ ᠬᠠᠮᠠᠭ᠋ᠠᠯᠠᠯ᠂ ᠪᠡᠶ᠎ᠡ ᠵᠢᠨ ᠲᠠᠮᠢᠷ ᠵᠡᠷᠭᠡ ᠲᠠᠯ᠎ᠠ᠎ᠪᠠᠷ ᠥᠪᠥᠷ ᠮᠣᠩᠭᠣᠯ᠎ᠳᠤ ᠪᠦᠬᠦ ᠲᠠᠯ᠎ᠠ ᠵᠢᠨ ᠳᠡᠮᠵᠢᠯᠭᠡ ᠦᠵᠡᠬᠦᠯᠪᠡ᠃
     《13·5》 ᠵᠢᠨ ᠲᠦᠯᠦᠪᠵᠢᠬᠦᠯᠭᠡ᠎ᠳᠤ ᠬᠠᠨᠳᠤᠭᠤᠯᠤᠨ᠂   ᠶᠡᠷᠦᠩᠬᠡᠶ ᠱᠦᠵᠢ ᠰᠢ ᠵᠢᠨ ᠫᠢᠩ᠎ᠤᠨ ᠵᠡᠭᠦᠨ ᠪᠠᠷᠠᠭᠤᠨ   ᠪᠦᠰᠡ ᠵᠢᠨ ᠶᠠᠳᠠᠭᠤ ᠵᠢ ᠲᠡᠳᠬᠦᠬᠦ ᠬᠠᠮᠵᠢᠯᠴᠠᠭ᠋ᠠᠨ᠎ᠤ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠪᠡᠭᠡᠵᠢᠩ ᠪᠤᠯᠤᠨ ᠥᠪᠥᠷ ᠮᠣᠩᠭᠣᠯ ᠬᠣᠶᠠᠷ ᠭᠠᠵᠠᠷ᠎ᠤᠨ ᠪᠦᠬᠦ ᠲᠠᠯ᠎ᠠ ᠵᠢᠨ᠂ ᠣᠯᠠᠨ ᠬᠦᠷᠢᠶᠡᠨ᠎ᠤ᠂ ᠭᠦᠨ ᠲᠡᠰ ᠳᠠᠪᠬᠤᠷᠭ᠎ᠠ ᠵᠢᠨ ᠬᠠᠮᠲᠤᠷᠠᠯᠴᠠᠭ᠎ᠠ ᠪᠠ ᠰᠣᠯᠢᠯᠴᠠᠭ᠎ᠠ ᠵᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠵᠢᠨ ᠲᠤᠯᠠᠳᠠ᠂ ᠬᠣᠶᠠᠷ ᠭᠠᠵᠠᠷ᠎ᠤᠨ ᠵᠠᠰᠠᠭ᠎ᠤᠨ ᠣᠷᠳᠣᠨ 《ᠪᠡᠭᠡᠵᠢᠩ ᠥᠪᠥᠷ ᠮᠣᠩᠭᠣᠯ᠎ᠤᠨ ᠠᠵᠢᠯ ᠲᠦᠷᠦᠯ ᠵᠶ᠋ᠠᠷ ᠵᠶ᠋ᠠᠨ ᠬᠠᠪᠰᠤᠷᠤᠨ ᠲᠡᠳᠬᠦᠬᠦ ᠪᠠ ᠪᠥᠭᠥ ᠲᠠᠯ᠎ᠠ᠎ᠪᠠᠷ ᠬᠠᠮᠲᠤᠷᠠᠯᠴᠠᠬᠤ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠪᠡᠭᠡᠵᠢᠩ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠳᠦᠭᠦᠪᠴᠢ ᠵᠦᠪᠳᠡᠯᠴᠡᠭᠡᠷ》᠎ᠲᠤ ᠬᠠᠮᠲᠤ᠎ᠪᠠᠷ ᠭᠠᠷ᠎ᠤᠨ ᠦᠰᠦᠭ ᠵᠢᠷᠤᠪᠠ᠃ ᠵᠦᠪᠳᠡᠯᠴᠡᠭᠡᠷ᠎ᠲᠤ ᠭᠠᠷ᠎ᠤᠨ ᠦᠰᠦᠭ ᠵᠢᠷᠤᠭᠰᠠᠨ᠎ᠨᠢ᠂ ᠬᠣᠶᠠᠷ ᠭᠠᠵᠠᠷ᠎ᠤᠨ ᠡᠯ᠎ᠡ ᠰᠠᠯᠠᠭ᠎ᠠ ᠮᠥᠴᠢᠷ  ᠂ ᠭᠠᠵᠠᠷ ᠣᠷᠣᠨ ᠪᠣᠯᠤᠨ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠢ ᠤᠯᠠᠮ ᠨᠢᠭᠡ ᠠᠯᠬᠤᠮ ᠵᠢᠯᠣᠭᠣᠳᠴᠤ᠂ ᠪᠡᠭᠡᠵᠢᠩ ᠥᠪᠥᠷ ᠮᠣᠩᠭᠣᠯ᠎ᠤᠨ ᠬᠣᠶᠠᠷ ᠭᠠᠵᠠᠷ᠎ᠤᠨ ᠬᠠᠷᠢᠴᠠᠩᠭᠤᠶ ᠳᠠᠪᠠᠭᠤᠯᠢᠭ ᠲᠠᠯ᠎ᠠ ᠵᠢ ᠨᠡᠩ ᠰᠠᠢ᠌ᠢ᠍ᠨ ᠪᠠᠳᠠᠷᠠᠭᠣᠯᠵᠤ᠂ ᠨᠡᠩ ᠪᠦᠬᠦ ᠲᠠᠯ᠎ᠠ ᠵᠢ ᠬᠠᠮᠤᠷᠠᠭᠰᠠᠨ᠂ ᠨᠡᠩ ᠨᠢᠭᠲᠠᠷᠠᠭᠰᠠᠨ᠂ ᠨᠡᠩ ᠰᠢᠨᠵᠢᠯᠡᠬᠦ ᠤᠬᠠᠭ᠋ᠠᠨᠴᠢᠯᠠᠭᠰᠠᠨ ᠬᠠᠮᠲᠤᠷᠠᠯᠴᠠᠭ᠎ᠠ ᠵᠢ ᠥᠷᠨᠢᠭᠦᠯᠵᠦ᠂   ᠨᠡᠨᠭ ᠤᠨᠤᠪᠴᠢᠲᠠᠢ᠂ ᠨᠡᠩ ᠪᠦᠲᠦᠮᠵᠢᠲᠡᠶ ᠠᠵᠢᠯ ᠲᠦᠷᠦᠯ ᠵᠶ᠋ᠠᠷ ᠵᠶ᠋ᠠᠨ ᠬᠠᠪᠰᠤᠷᠤᠨ ᠲᠡᠳᠭᠦᠭᠦ ᠵᠢ ᠬᠡᠷᠡᠭᠵᠢᠬᠦᠯᠵᠤ᠂ ᠬᠤᠶᠠᠷ ᠭᠠᠵᠠᠷ ᠬᠠᠮᠲᠤ᠎ᠪᠠᠷ ᠬᠥᠭᠵᠢᠨ ᠳᠠᠪᠰᠢᠵᠤ᠂ ᠪᠡᠭᠡᠵᠢᠩ ᠪᠤᠯᠤᠨ ᠥᠪᠥᠷ ᠮᠣᠩᠭᠣᠯ᠎ᠤᠨ ᠠᠵᠢᠯ ᠲᠦᠷᠦᠯ ᠵᠶ᠋ᠠᠷ ᠵᠶ᠋ᠠᠨ ᠬᠠᠪᠰᠤᠷᠤᠨ ᠲᠡᠳᠬᠦᠬᠦ ᠪᠠ ᠣᠷᠣᠨ ᠪᠦᠰᠡ ᠵᠢᠨ ᠬᠠᠮᠲᠤᠷᠠᠯᠴᠠᠭ᠎ᠠ ᠵᠢᠨ ᠰᠢᠨ᠎ᠡ ᠪᠠᠶ᠋ᠢᠳᠠᠯ᠎ᠢ ᠪᠤᠢ ᠪᠤᠯᠭ᠋ᠠᠬᠤ ᠪᠤᠯᠤᠨ᠎ᠠ᠃
      ᠬᠥᠲᠥᠯᠥᠭᠴᠢ᠄
     《13·5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠪᠡᠭᠡᠵᠢᠩ ᠪᠣᠯᠣᠨ ᠥᠪᠥᠷ ᠮᠣᠩᠭᠣᠯ᠎ᠤᠨ ᠬᠠᠪᠰᠤᠷᠤᠨ ᠲᠡᠳᠬᠦᠬᠦ ᠬᠠᠮᠲᠤᠷᠠᠯᠴᠠᠭ᠎ᠠ᠎ᠳᠤ ᠶᠠᠮᠠᠷ ᠶᠠᠮᠠᠷ ᠠᠵᠠ ᠲᠣᠬᠢᠶᠠᠯ ᠣᠷᠣᠰᠢᠵᠤ ᠪᠠᠢ᠌ᠬᠤ ᠪᠤᠶ?
      ᠺᠧ ᠶᠦᠩ ᠭᠦᠸᠸ᠄
     《13·5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠤᠯᠤᠰ᠎ᠤᠨ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ᠎ᠨᠢ ᠰᠢᠪᠲᠤᠯᠤᠯᠲᠠ ᠵᠢᠨ ᠱᠠᠲᠤᠨ᠎ᠳᠤ ᠣᠷᠣᠵᠤ᠂ ᠣᠷᠣᠨ ᠪᠦᠰᠡ ᠵᠢᠨ ᠬᠠᠮᠲᠤᠷᠠᠯᠴᠠᠭ᠎ᠠ ᠵᠢᠨ ᠪᠠᠶ᠋ᠢᠯᠳᠤᠬᠤ ᠪᠤᠳᠤᠯᠭ᠎ᠠ ᠲᠦᠷᠬᠡᠨ ᠠᠬᠢᠵᠤ᠂ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ ᠬᠠᠮᠲᠤᠷᠠᠯᠴᠠᠭ᠎ᠠ ᠵᠢᠨ ᠬᠥᠭᠵᠢᠯᠲᠡ᠎ᠳᠤ ᠠᠯᠢ ᠤᠯᠠᠨ ᠴᠢᠬᠤᠯᠠ ᠠᠵᠠ ᠲᠣᠬᠢᠶᠠᠯ ᠣᠷᠣᠰᠢᠵᠤ ᠪᠠᠢ᠌ᠨ᠎ᠠ᠃
      ᠨᠢᠭᠡ᠎ᠳᠤ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠪᠠᠶ᠋ᠢᠯᠳᠤᠬᠤ ᠪᠤᠳᠤᠯᠭ᠎ᠠ ᠪᠦᠬᠦ ᠲᠠᠯ᠎ᠠ᠎ᠪᠠᠷ ᠬᠡᠷᠡᠭᠵᠢᠭᠦᠯᠦᠭᠳᠡᠨ᠎ᠡ᠃ ᠶᠡᠷᠦᠩᠬᠡᠶ ᠱᠦᠵᠢ ᠰᠢ ᠵᠢᠨ ᠫᠢᠩ ᠰᠢᠨ᠎ᠡ ᠴᠠᠭ ᠦᠶ᠎ᠡ ᠵᠢᠨ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠪᠠᠶ᠋ᠢᠯᠳᠤᠬᠤ ᠪᠤᠳᠤᠯᠭ᠎ᠠ ᠵᠢᠨ ᠦᠵᠡᠯ ᠰᠠᠨᠠᠭ᠎ᠠ ᠵᠢ ᠲᠣᠳᠣᠷᠬᠠᠶ᠋ᠢᠯᠠᠨ ᠥᠭᠦᠯᠡᠬᠦ᠎ᠳᠡᠭᠡᠨ ᠴᠢᠬᠤᠯᠠᠴᠢᠯᠠᠭᠰᠠᠨ᠎ᠨᠢ᠂ ᠶᠠᠳᠠᠭᠤ ᠵᠢ ᠲᠡᠳᠬᠦᠨ ᠨᠡᠭᠡᠭᠡᠨ ᠬᠥᠭᠵᠢᠭᠦᠯᠬᠦ ᠪᠣᠯ ᠮᠠᠨ᠎ᠤ ᠤᠯᠤᠰ᠎ᠤᠨ ᠨᠢᠭᠡᠳᠦᠭᠡᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠵᠢᠨ ᠭᠣᠣᠯᠳᠠᠯᠭ᠎ᠠ᠎ᠲᠠᠢ ᠠᠵᠢᠯ ᠮᠥᠨ᠂ ᠲᠤᠯᠭ᠋ᠠᠮ᠎ᠠ ᠰᠡᠳᠬᠢᠯᠭᠡ᠎ᠪᠠᠨ ᠴᠢᠩᠭ᠋ᠠᠳᠬᠠᠨ᠂ 《ᠲᠤᠢ᠌ᠯ᠎ᠤᠨ ᠣᠨᠣᠪᠴᠢᠲᠠᠢ᠎ᠪᠠᠷ ᠶᠠᠳᠠᠭᠤ ᠵᠢ ᠲᠡᠳᠬᠦᠬᠦ᠂ ᠲᠤᠢ᠌ᠯ᠎ᠤᠨ ᠣᠨᠣᠪᠴᠢᠲᠠᠢ᠎ᠪᠠᠷ ᠶᠠᠳᠠᠭᠤ᠎ᠠᠴᠠ ᠠᠩᠭᠢᠵᠢᠷᠠᠭᠤᠯᠬᠤ》 ᠵᠢ ᠭᠦᠨᠵᠡᠭᠡᠶ ᠬᠡᠷᠡᠭᠵᠢᠭᠦᠯᠬᠦ ᠬᠡᠷᠡᠭᠲᠡᠢ᠂ ᠬᠦᠴᠢᠷᠳᠡᠯᠲᠡᠶ ᠭᠠᠵᠠᠷ ᠣᠷᠣᠨ ᠪᠣᠯᠤᠨ ᠬᠦᠴᠢᠷᠳᠡᠯᠲᠡᠶ ᠤᠯᠠᠨ ᠲᠦᠮᠡᠨ᠎ᠢ ᠡᠩᠨᠡᠭᠡ᠎ᠠᠴᠠ᠎ᠪᠠᠨ ᠬᠣᠴᠣᠷᠤᠭᠤᠯᠵᠤ ᠤᠭᠳᠤ ᠪᠣᠯᠬᠤ ᠦᠭᠡᠢ ᠭᠡᠵᠡᠢ᠃ ᠪᠡᠭᠡᠵᠢᠩ ᠥᠪᠥᠷ ᠮᠣᠩᠭᠣᠯ᠎ᠤᠨ ᠠᠵᠢᠯ ᠲᠥᠷᠥᠯ ᠵᠶ᠋ᠠᠷ ᠵᠶ᠋ᠠᠨ ᠬᠠᠪᠰᠤᠷᠤᠨ ᠲᠡᠳᠬᠦᠬᠦ ᠬᠠᠮᠲᠤᠷᠠᠯᠴᠠᠭ᠎ᠠ ᠪᠣᠯ ᠤᠯᠤᠰ᠎ᠤᠨ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ᠎ᠤᠨ ᠪᠦᠷᠢᠯᠳᠦᠬᠦᠨ ᠬᠡᠰᠡᠭ ᠮᠥᠨ᠂ ᠲᠥᠪ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠪᠡᠭᠡᠵᠢᠩ ᠬᠣᠲᠠ ᠮᠠᠨ᠎ᠤ ᠣᠷᠣᠨ᠎ᠤ ᠶᠠᠳᠠᠭᠤ ᠬᠦᠴᠢᠷᠳᠡᠯᠲᠡᠶ ᠬᠥᠮᠦᠨ ᠠᠮᠠ᠎ᠪᠠᠷ ᠬᠠᠮᠤᠭ᠎ᠤᠨ ᠣᠯᠠᠨ ᠤᠯᠠᠭ᠋ᠠᠨᠬᠠᠳᠠ᠂ ᠤᠯᠠᠭ᠋ᠠᠨᠴᠠᠪ ᠬᠣᠶᠠᠷ ᠬᠤᠳᠠ ᠵᠢ ᠠᠵᠢᠯ ᠲᠦᠷᠦᠯ ᠵᠶ᠋ᠠᠷ ᠵᠶ᠋ᠡᠨ ᠬᠠᠪᠰᠤᠷᠤᠨ ᠲᠡᠳᠬᠦᠬᠦ᠎ᠨᠢ ᠮᠠᠨ᠎ᠤ ᠣᠷᠣᠨ 2017 ᠣᠨ᠎ᠳᠤ ᠶᠠᠳᠠᠭᠤ᠎ᠠᠴᠠ ᠠᠩᠭᠢᠵᠢᠷᠠᠭᠤᠯᠬᠤ ᠬᠠᠷᠠᠯᠲᠠ᠎ᠪᠠᠨ ᠤᠷᠢᠳᠴᠢᠯᠠᠨ ᠪᠡᠶᠡᠯᠡᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠳᠠᠢ᠌ᠨ᠎ᠳᠤ ᠢᠯᠠᠯᠲᠠ ᠣᠯᠬᠤ ᠵᠢᠨ ᠴᠢᠬᠤᠯᠠ ᠶᠡᠬᠡ ᠠᠵᠠ ᠲᠣᠬᠢᠶᠠᠯ ᠪᠣᠯᠪᠠ᠃
      ᠬᠣᠶᠠᠷ᠎ᠲᠤ 《ᠨᠢᠭᠡ ᠪᠦᠰᠡ ᠨᠢᠭᠡ ᠵᠠᠮ》᠎ᠤᠨ ᠨᠡᠭᠡᠭᠡᠯᠲᠡᠲᠦ ᠪᠠᠶ᠋ᠢᠷᠢᠰᠢᠯ ᠴᠣᠭᠴᠠᠯᠠᠭᠳᠠᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠭᠤᠷᠪᠠᠳᠤᠭ᠋ᠠᠷ ᠪᠥᠬᠥᠳᠡ ᠬᠤᠷᠠᠯ᠎ᠠᠴᠠ ᠨᠡᠭᠡᠭᠡᠯᠲᠡᠲᠦ ᠬᠡᠯᠪᠡᠷᠢ ᠵᠢᠨ ᠠᠵᠤ ᠠᠬᠤᠶ ᠵᠢᠨ ᠰᠢᠨ᠎ᠡ ᠪᠠᠶ᠋ᠢᠭᠤᠯᠤᠯ᠎ᠢ ᠪᠠᠢ᠌ᠭᠤᠯᠵᠤ᠂ 《ᠨᠢᠭᠡ ᠪᠦᠰᠡ ᠨᠢᠭᠡ ᠵᠠᠮ》᠎ᠤᠨ ᠪᠠᠶ᠋ᠢᠯᠳᠤᠬᠤ ᠪᠤᠳᠤᠯᠭ᠎ᠠ ᠵᠢ ᠲᠦᠷᠭᠡᠪᠴᠢᠯᠡᠨ ᠬᠡᠷᠡᠭᠵᠢᠭᠦᠯᠵᠦ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠶ ᠵᠢᠨ ᠬᠤᠨᠭ᠌ᠬᠢᠯ᠎ᠤᠨ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠵᠶ᠋ᠠᠷ ᠲᠦᠯᠬᠢᠨ ᠠᠬᠢᠭᠤᠯᠬᠤ ᠬᠡᠷᠡᠭᠲᠡᠢ ᠭᠡᠵᠦ ᠳᠤᠷᠠᠳᠪᠠ᠃ ᠥᠪᠥᠷ ᠮᠣᠩᠭᠣᠯ ᠣᠷᠣᠰ᠂ ᠮᠣᠩᠭᠣᠯ᠎ᠲᠠᠢ ᠬᠥᠷᠰᠢᠯᠡᠵᠦ᠂ ᠧᠦ᠋ᠷᠣᠫᠠ ᠲᠢᠪ᠎ᠲᠠᠢ ᠨᠡᠪᠲᠡᠷᠡᠯᠴᠡᠵᠦ᠂ ᠤᠯᠤᠰ᠎ᠤᠨ ᠡᠷᠬᠢᠨ ᠲᠣᠭᠣᠷᠢᠨ ᠪᠣᠯᠤᠨ ᠤᠮᠠᠷᠠᠰᠢ ᠨᠡᠭᠡᠭᠡᠯᠲᠡ ᠬᠢᠬᠦ ᠶᠡᠬᠡ ᠪᠠᠶ᠋ᠢᠷᠢᠰᠢᠯ᠎ᠳᠤ ᠴᠢᠬᠤᠯᠠ ᠪᠠᠶ᠋ᠢᠷᠢ ᠰᠠᠭᠤᠷᠢ᠎ᠲᠠᠢ ᠪᠠᠶ᠋ᠢᠳᠠᠭ᠃ ᠪᠡᠭᠡᠵᠢᠩ ᠥᠪᠥᠷ ᠮᠣᠩᠭᠣᠯ ᠬᠣᠶᠠᠷ ᠭᠠᠵᠠᠷ ᠳᠥᠭᠥᠮ ᠳᠥᠲᠡ ᠵᠠᠮ ᠬᠠᠷᠢᠯᠴᠠᠭ᠎ᠠ᠎ᠳᠤ ᠲᠦᠰᠢᠭᠯᠡᠨ᠂ ᠪᠡᠭᠡᠵᠢᠩ᠎ᠤᠨ ᠳᠡᠭᠡᠳᠦ ᠲᠡᠰ᠎ᠤᠨ ᠠᠵᠤ ᠦᠢ᠍ᠯᠡᠰ᠎ᠤᠨ ᠳᠠᠪᠠᠭᠤᠯᠢᠭ ᠪᠣᠯᠣᠨ ᠥᠪᠥᠷ ᠮᠣᠩᠭᠣᠯ᠎ᠤᠨ ᠡᠯᠪᠡᠭ ᠪᠠᠶᠠᠨ ᠡᠬᠢ ᠪᠠᠶᠠᠯᠢᠭ᠂ ᠪᠣᠭᠣᠮᠲᠠ ᠵᠢᠨ ᠳᠥᠭᠥᠮ ᠳᠥᠲᠡ ᠳᠠᠪᠠᠭᠤᠯᠢᠭ᠎ᠢ ᠪᠠᠳᠠᠷᠠᠭᠤᠯᠵᠤ᠂ ᠠᠵᠤ ᠦᠢ᠍ᠯᠡᠰ᠂ ᠡᠬᠢ ᠪᠠᠶᠠᠯᠢᠭ ᠬᠢᠭᠡᠳ ᠣᠷᠣᠨ ᠪᠠᠶ᠋ᠢᠷᠢ ᠵᠢᠨ ᠳᠠᠪᠠᠭᠤᠯᠢᠭ ᠲᠠᠯ᠎ᠠ᠎ᠪᠠᠷ ᠵᠶ᠋ᠠᠨ ᠬᠠᠷᠢᠯᠴᠠᠨ   ᠨᠥᠬᠥᠪᠦᠷᠢᠯᠡᠭᠰᠡᠨ ᠣᠷᠣᠰ ᠮᠣᠩᠭᠣᠯ ᠬᠢᠭᠡᠳ ᠧᠦ᠋ᠷᠣᠫᠠ᠎ᠳᠤ ᠨᠡᠪᠲᠡᠷᠡᠬᠦ ᠠᠵᠤ ᠠᠬᠤᠶ ᠵᠢᠨ ᠬᠣᠩᠭᠢᠯ᠎ᠢ ᠬᠠᠮᠲᠤᠪᠠᠷ   ᠴᠣᠭᠴᠠᠯᠠᠵᠤ᠂ 《ᠲᠠᠯ᠎ᠠ ᠨᠤᠲᠤᠭ᠎ᠤᠨ ᠲᠣᠷᠭ᠋ᠠᠨ ᠵᠠᠮ》᠎ᠤᠨ ᠴᠢᠬᠤᠯᠠ ᠠᠵᠤ ᠠᠬᠤᠶ ᠵᠢᠨ ᠵᠠᠮ᠎ᠢ ᠬᠠᠮᠲᠤᠪᠠᠷ ᠪᠠᠢ᠌ᠭᠤᠯᠬᠤ ᠪᠣᠯᠣᠨ᠎ᠠ᠃
      ᠭᠤᠷᠪᠠ᠎ᠳᠤ᠂ ᠪᠡᠭᠡᠵᠢᠩ ᠲᠢᠶᠠᠨᠵᠢᠨ ᠾᠸᠪᠸᠢ ᠬᠠᠮᠵᠢᠯᠴᠠᠨ ᠬᠥᠭᠵᠢᠭᠦᠯᠵᠦ ᠪᠠᠢ᠌ᠨ᠎ᠠ᠃ ᠮᠠᠨ᠎ᠤ ᠤᠯᠤᠰ᠎ᠤᠨ ᠠᠵᠤ ᠠᠬᠤᠶ ᠵᠢᠨ ᠬᠥᠭᠵᠢᠯᠲᠡ ᠰᠢᠨ᠎ᠡ ᠬᠡᠪ ᠪᠠᠶ᠋ᠢᠳᠠᠯ᠎ᠳᠤ ᠣᠷᠣᠬᠤ ᠵᠢ ᠳᠠᠭ᠋ᠠᠯᠳᠤᠨ᠂ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ᠎ᠨᠢ ᠠᠵᠤ ᠠᠬᠤᠶ ᠵᠢᠨ ᠨᠡᠮᠡᠭᠳᠡᠯ᠎ᠢ ᠳᠠᠶ᠋ᠢᠴᠢᠯᠠᠬᠤ ᠰᠢᠨ᠎ᠡ ᠬᠥᠳᠡᠯᠭᠡᠭᠴᠢ ᠬᠦᠴᠦᠨ ᠪᠣᠯᠪᠠ᠃ ᠤᠯᠤᠰ᠎ᠠᠴᠠ ᠪᠡᠭᠡᠵᠢᠩ ᠲᠢᠶᠠᠨᠵᠢᠨ ᠾᠸᠪᠸᠢ ᠵᠢ ᠬᠠᠮᠵᠢᠯᠴᠠᠭᠤᠯᠤᠨ ᠬᠥᠭᠵᠢᠭᠦᠯᠬᠦ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ ᠵᠢ ᠳᠤᠷᠠᠳᠴᠤ᠂ ᠪᠡᠭᠡᠵᠢᠩ᠎ᠳᠤ 《ᠳᠥᠷᠪᠡᠨ ᠲᠥᠪ》᠎ᠤᠨ ᠰᠢᠨ᠎ᠡ ᠳᠠᠪᠠᠭᠤᠯᠢᠭ᠎ᠢ ᠴᠣᠭᠴᠠᠯᠠᠵᠤ᠂ ᠨᠡᠶ᠋ᠢᠰᠯᠡᠯ ᠬᠣᠲᠠ ᠵᠢᠨ ᠪᠤᠰᠤ ᠴᠢᠳᠠᠮᠵᠢ ᠵᠢ   ᠲᠦᠷᠭᠡᠳᠬᠡᠨ ᠰᠠᠯᠭ᠋ᠠᠵᠤ᠂ ᠬᠥᠭᠵᠢᠯᠲᠡ ᠵᠢᠨ ᠣᠷᠴᠢᠨ ᠨᠥᠬᠥᠴᠡᠯ ᠪᠠ ᠣᠷᠣᠨ ᠵᠠᠶ ᠵᠢᠨ ᠪᠠᠶ᠋ᠢᠷᠢᠰᠢᠭᠤᠯᠤᠯ ᠵᠶ᠋ᠡᠨ ᠰᠢᠯᠢᠳᠡᠭᠵᠢᠭᠦᠯᠬᠦ ᠵᠢ ᠱᠠᠭ᠋ᠠᠷᠳᠠᠪᠠ᠃ ᠥᠪᠥᠷ ᠮᠣᠩᠭᠣᠯ ᠪᠡᠭᠡᠵᠢᠩ᠎ᠲᠠᠢ ᠬᠦᠷᠰᠢᠯᠡᠵᠦ᠂ ᠡᠬᠢ ᠪᠠᠶᠠᠯᠢᠭ ᠡᠯᠪᠡᠭ ᠳᠡᠯᠪᠡᠭ᠂ ᠣᠷᠣᠨ ᠵᠠᠶ ᠥᠷᠭᠡᠨ ᠠᠭᠤᠳᠠᠮ ᠪᠣᠯᠬᠣᠷ᠂ ᠪᠡᠭᠡᠵᠢᠩ᠎ᠤᠨ ᠠᠵᠤ ᠦᠢ᠍ᠯᠡᠰ᠎ᠤᠨ ᠰᠢᠯᠵᠢᠯᠲᠡ ᠪᠠ ᠴᠢᠳᠠᠮᠵᠢ ᠵᠢᠨ ᠰᠠᠯᠭ᠋ᠠᠯᠲᠠ ᠵᠢ ᠵᠢᠯᠣᠭᠣᠳᠤᠨ ᠵᠣᠬᠢᠴᠠᠭᠤᠯᠬᠤ ᠵᠢ ᠬᠦᠯᠢᠶᠡᠨ ᠠᠪᠴᠤ᠂   ᠪᠡᠭᠡᠵᠢᠩ᠎ᠤᠨ ᠬᠥᠭᠵᠢᠯᠲᠡ ᠵᠢᠨ ᠪᠣᠭᠣᠮᠢ ᠵᠢ ᠰᠢᠪᠲᠤᠯᠬᠤ ᠵᠢ ᠨᠠᠮᠳᠠᠭᠤᠯᠬᠤ᠎ᠳᠤ ᠴᠢᠬᠤᠯᠠ ᠲᠤᠯᠭ᠋ᠠᠭᠤᠷᠢ ᠬᠠᠩᠭ᠋ᠠᠵᠤ᠂ ᠬᠣᠶᠠᠷ ᠭᠠᠵᠠᠷ᠎ᠤᠨ ᠬᠥᠭᠵᠢᠯᠲᠡ ᠵᠢᠨ ᠠᠮᠢᠵᠢᠷᠠᠯ᠎ᠤᠨ ᠬᠦᠴᠦᠨ ᠪᠠ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠰᠢᠨ᠎ᠡ ᠬᠥᠳᠡᠯᠭᠡᠬᠦ ᠬᠦᠴᠦᠨ᠎ᠢ ᠴᠢᠩᠭ᠋ᠠᠷᠠᠭᠤᠯᠵᠤ᠂ ᠪᠦᠬᠦᠯᠢ ᠴᠣᠭᠴᠠ ᠵᠢᠨ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠵᠦ᠂ ᠠᠵᠤ ᠠᠬᠤᠶ ᠨᠡᠶ᠋ᠢᠭᠡᠮ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠲᠦᠯᠬᠢᠨ ᠠᠬᠢᠭᠤᠯᠬᠤ ᠪᠣᠯᠣᠨ᠎ᠠ᠃
      ᠬᠥᠲᠥᠯᠥᠭᠴᠢ᠄
     《13·5》 ᠵᠢᠨ ᠬᠤᠭᠤᠴᠠᠭ᠋ᠠᠨ᠎ᠳᠤ ᠪᠡᠭᠡᠵᠢᠩ ᠥᠪᠥᠷ ᠮᠣᠩᠭᠣᠯ᠎ᠤᠨ ᠬᠠᠪᠰᠤᠷᠤᠨ ᠲᠡᠳᠬᠦᠬᠦ ᠬᠠᠮᠲᠤᠷᠠᠯᠴᠠᠭ᠎ᠠ᠎ᠳᠤ ᠶᠠᠮᠠᠷ ᠶᠠᠮᠠᠷ ᠵᠢᠯᠣᠭᠣᠳᠬᠤ ᠦᠵᠡᠯ ᠰᠠᠨᠠᠭ᠎ᠠ ᠵᠢ ᠪᠠᠷᠢᠮᠲᠠᠯᠠᠬᠤ ᠪᠤᠢ?
      ᠺᠧ ᠶᠦᠩ ᠭᠦᠸᠸ᠄
     《13·5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠵᠢᠯᠣᠭᠣᠳᠬᠤ ᠦᠵᠡᠯ ᠰᠠᠨᠠᠭ᠎ᠠ ᠪᠣᠯ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠂ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠤᠱᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠰᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠢᠯᠠᠩᠭᠤᠶ᠎ᠠ ᠲᠤᠢ᠌ᠯ᠎ᠤᠨ ᠣᠨᠣᠪᠴᠢᠲᠠᠢ᠎ᠪᠠᠷ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠵᠢ ᠭᠦᠨᠵᠡᠭᠡᠶ ᠲᠤᠤᠱᠯᠠᠭᠤᠯᠵᠤ᠂ ᠲᠥᠪ᠎ᠤᠨ 《ᠳᠥᠷᠪᠡᠨ ᠪᠦᠬᠦ ᠲᠠᠯ᠎ᠠ ᠵᠢᠨ》 ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢᠨ ᠲᠣᠭᠣᠷᠢᠨ᠎ᠳᠤ 《ᠰᠢᠨ᠎ᠡ ᠵᠢ ᠡᠭᠦᠳᠬᠦ᠂ ᠵᠣᠬᠢᠴᠠᠭᠤᠯᠬᠤ᠂ ᠪᠣᠬᠢᠷᠲᠤᠯ ᠦᠭᠡᠢ᠂ ᠨᠡᠭᠡᠭᠡᠯᠳᠡ ᠬᠢᠬᠦ᠂ ᠬᠠᠮᠲᠤ᠎ᠪᠠᠷ ᠡᠳ᠋ᠯᠡᠬᠦ》 ᠲᠠᠪᠤᠨ ᠶᠡᠬᠡ ᠬᠥᠭᠵᠢᠯᠲᠡ ᠵᠢᠨ ᠣᠨᠣᠯᠵᠢᠬᠤᠨ᠎ᠢ ᠦᠢ᠍ᠯᠡᠳᠦᠯᠭᠡᠵᠢᠭᠦᠯᠵᠦ᠂ 《ᠲᠤᠢ᠌ᠯ᠎ᠤᠨ ᠣᠨᠣᠪᠴᠢᠲᠠᠢ᠎ᠪᠠᠷ ᠶᠠᠳᠠᠭᠤ ᠵᠢ ᠲᠡᠳᠬᠦᠬᠦ᠂ ᠵᠣᠬᠢᠴᠠᠩᠭᠤᠶ᠎ᠪᠠᠷ

ᠬᠥᠭᠵᠢᠭᠦᠯᠬᠦ》᠎ᠪᠠᠷ ᠭᠣᠣᠯ ᠰᠡᠳᠦᠪ ᠪᠣᠯᠭ᠋ᠠᠵᠤ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠪᠣᠯᠣᠨ ᠣᠷᠣᠨ ᠪᠦᠰᠡ ᠵᠢᠨ ᠬᠥᠭᠵᠢᠯᠲᠡ ᠵᠢ ᠨᠢᠭᠲᠠ ᠤᠶᠠᠯᠳᠤᠭᠤᠯᠤᠨ ᠵᠣᠬᠢᠴᠠᠯᠳᠤᠭᠤᠯᠬᠤ᠎ᠪᠠᠷ ᠭᠣᠣᠯ ᠰᠢᠵᠢᠮ ᠪᠤᠯᠭ᠋ᠠᠬᠤ ᠵᠢ ᠲᠦᠯᠬᠢᠨ ᠠᠬᠢᠭᠤᠯᠵᠤ᠂ ᠬᠥᠭᠵᠢᠯᠲᠡ ᠵᠢᠨ ᠠᠵᠠ ᠲᠣᠬᠢᠶᠠᠯ᠎ᠢ ᠴᠢᠩᠭ᠎ᠠ ᠠᠳᠬᠤᠵᠤ᠂ ᠠᠵᠢᠯ ᠲᠦᠷᠦᠯ ᠵᠶ᠋ᠠᠷ ᠵᠶ᠋ᠠᠨ ᠬᠠᠪᠰᠤᠷᠤᠨ ᠲᠡᠳᠬᠦᠬᠦ ᠪᠠ ᠣᠷᠣᠨ ᠪᠦᠰᠡ ᠵᠢᠨ ᠬᠠᠮᠲᠤᠷᠠᠯᠴᠠᠭ᠋ᠠᠨ᠎ᠤ ᠵᠠᠭᠪᠤᠷ ᠵᠢᠨ ᠰᠢᠨ᠎ᠡ ᠵᠢ ᠡᠭᠦᠳᠴᠦ᠂ ᠠᠵᠤ ᠦᠢ᠍ᠯᠡᠰ᠂ ᠰᠠᠭᠤᠷᠢ ᠪᠡᠯᠡᠳᠬᠡᠮᠵᠢ᠂ ᠨᠡᠶ᠋ᠢᠭᠡᠮ᠎ᠤᠨ ᠡᠬᠢ ᠪᠠᠶᠠᠯᠢᠭ᠂ ᠠᠮᠢ ᠠᠬᠤᠶ ᠵᠢᠨ ᠣᠷᠴᠢᠨ ᠲᠣᠭᠣᠷᠢᠨ ᠵᠡᠷᠭᠡ ᠬᠦᠷᠢᠶᠡᠨ᠎ᠳᠤ ᠬᠠᠷᠢᠯᠴᠠᠨ ᠬᠣᠯᠪᠣᠵᠤ ᠬᠠᠷᠢᠯᠴᠠᠨ ᠨᠡᠪᠲᠡᠷᠡᠭᠦᠯᠬᠦ ᠬᠠᠷᠢᠯᠴᠠᠨ ᠨᠥᠬᠥᠪᠥᠷᠢᠯᠡᠬᠦ ᠲᠤᠭᠤᠷᠢᠨ᠎ᠳᠤ ᠲᠤᠢ᠌ᠯ᠎ᠤᠨ ᠣᠨᠣᠪᠴᠢᠲᠠᠢ᠎ᠪᠠᠷ ᠬᠠᠪᠰᠤᠷᠤᠨ ᠲᠡᠳᠬᠦᠬᠦ᠂ ᠠᠵᠤ ᠦᠢ᠍ᠯᠡᠰ᠎ᠢ ᠵᠣᠯᠭ᠋ᠠᠭᠤᠯᠬᠤ᠂ ᠰᠠᠭᠤᠷᠢ ᠪᠡᠯᠡᠳᠬᠡᠮᠵᠢ ᠵᠢ ᠳᠡᠭᠡᠭᠰᠢᠯᠡᠭᠦᠯᠬᠦ᠂ ᠠᠮᠢ ᠠᠬᠤᠶ ᠵᠢ ᠬᠠᠮᠠᠭ᠋ᠠᠯᠠᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠪᠦᠷᠢᠨᠰᠢᠭᠦᠯᠬᠦ ᠵᠢᠴᠢ ᠣᠷᠣᠨ ᠪᠦᠰᠡ ᠵᠢᠨ ᠨᠡᠭᠡᠭᠡᠯᠲᠡ ᠬᠢᠵᠤ ᠬᠠᠮᠵᠢᠯᠴᠠᠬᠤ ᠳᠣᠯᠣᠭ᠋ᠠᠨ ᠶᠡᠬᠡ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠪᠡᠭᠡᠵᠢᠩ ᠥᠪᠥᠷ ᠮᠣᠩᠭᠣᠯ᠎ᠤᠨ ᠣᠷᠣᠨ ᠪᠦᠰᠡ ᠵᠢᠨ ᠬᠠᠮᠲᠤᠷᠠᠯᠴᠠᠭ᠎ᠠ ᠵᠢᠨ ᠰᠢᠨ᠎ᠡ ᠪᠠᠶ᠋ᠢᠳᠠᠯ᠎ᠢ ᠪᠤᠢ ᠪᠣᠯᠭ᠋ᠠᠵᠤ᠂ ᠪᠡᠭᠡᠵᠢᠩ᠎ᠢ ᠳᠡᠯᠡᠬᠡᠶ ᠵᠢᠨ ᠲᠡᠷᠢᠭᠦᠨ᠎ᠤ ᠡᠶ᠎ᠡ ᠵᠣᠬᠢᠴᠠᠯ᠎ᠲᠠᠢ ᠣᠷᠣᠰᠢᠨ ᠰᠠᠭᠤᠬᠤ᠎ᠳᠤ ᠲᠣᠬᠢᠷᠠᠮᠵᠢᠲᠠᠶ ᠨᠡᠢ᠌ᠰᠯᠡᠯ ᠪᠣᠯᠭ᠋ᠠᠨ ᠪᠠᠢ᠌ᠭᠤᠯᠬᠤ ᠰᠢᠨ᠎ᠡ ᠬᠠᠷᠠᠯᠲᠠ ᠵᠢ ᠪᠡᠶᠡᠯᠡᠭᠦᠯᠬᠦ ᠵᠢ ᠠᠬᠢᠭᠤᠯᠵᠤ᠂ ᠥᠪᠥᠷ ᠮᠣᠩᠭᠣᠯ᠎ᠢ ᠡᠬᠡ ᠤᠯᠤᠰ᠎ᠤᠨ ᠤᠮᠠᠷᠠᠲᠤ ᠬᠢᠯᠢ ᠵᠢᠨ ᠨᠡᠩ ᠰᠠᠶ᠋ᠢᠬᠠᠨ ᠦᠵᠡᠮᠵᠢ ᠵᠢᠨ ᠣᠷᠣᠨ ᠪᠣᠯᠭ᠋ᠠᠨ ᠪᠠᠢ᠌ᠭᠤᠯᠬᠤ᠎ᠪᠠᠷ ᠴᠢᠷᠮᠠᠢ᠌ᠬᠤ ᠶᠠᠪᠤᠳᠠᠯ ᠪᠣᠯᠣᠨ᠎ᠠ᠃
      ᠬᠥᠲᠥᠯᠥᠭᠴᠢ᠄  
      ᠺᠧ ᠡᠷᠬᠢᠯᠡᠭᠴᠢ ᠡ 《13·5》 ᠵᠢᠨ ᠬᠤᠭᠤᠴᠠᠭ᠋ᠠᠨ᠎ᠳᠤ ᠪᠡᠭᠡᠵᠢᠩ ᠥᠪᠥᠷ ᠮᠣᠩᠭᠣᠯ᠎ᠤᠨ ᠬᠠᠪᠰᠤᠷᠤᠨ ᠲᠡᠳᠬᠦᠬᠦ ᠬᠠᠮᠲᠤᠷᠠᠯᠴᠠᠭ᠋ᠠᠨ᠎ᠤ ᠭᠣᠣᠯ ᠬᠠᠷᠠᠯᠲᠠ᠎ᠨᠢ ᠶᠠᠭᠤ ᠪᠤᠶ?
      ᠺᠧ ᠶᠦᠩ ᠭᠦᠸᠸ᠄
     《13·5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠭᠣᠣᠯ ᠬᠠᠷᠠᠯᠲᠠ ᠵᠢ ᠬᠣᠶᠠᠷ ᠱᠠᠲᠤ ᠬᠤᠪᠢᠶᠠᠵᠤ ᠪᠣᠯᠤᠨ᠎ᠠ᠃
     2017 ᠣᠨ ᠪᠣᠯᠬᠤ᠎ᠳᠤ᠂ ᠠᠵᠢᠯ ᠳᠦᠷᠦᠯ ᠵᠶ᠋ᠠᠷ ᠵᠶ᠋ᠠᠨ ᠬᠠᠪᠰᠤᠷᠤᠨ ᠲᠡᠳᠬᠦᠬᠦ ᠵᠢ ᠮᠥᠨ ᠴᠢᠨᠠᠷ᠎ᠤᠨ ᠠᠭᠢᠯᠳᠠ᠎ᠲᠠᠢ ᠪᠣᠯᠭ᠋ᠠᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2017 ᠣᠨ᠎ᠤ ᠪᠦᠬᠦ ᠲᠠᠯ᠎ᠠ᠎ᠪᠠᠷ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠤᠨ ᠬᠠᠷᠠᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠤᠯᠠᠭ᠋ᠠᠨᠬᠠᠳᠠ ᠬᠤᠳᠠ᠂ ᠤᠯᠠᠭ᠋ᠠᠨᠴᠠᠪ ᠬᠤᠳᠠ ᠵᠢ ᠬᠠᠪᠰᠤᠷᠤᠨ ᠪᠦᠬᠦ ᠲᠠᠯ᠎ᠠ᠎ᠪᠠᠷ ᠶᠠᠳᠠᠭᠤ᠎ᠠᠴᠠ ᠠᠩᠭᠢᠵᠢᠷᠠᠭᠤᠯᠬᠤ᠂ ᠬᠠᠷᠢᠴᠠᠯᠠᠰᠢ ᠥᠭᠡᠢ ᠶᠠᠳᠠᠭᠤ ᠵᠢ ᠤᠰᠠᠳᠬᠠᠬᠤ ᠵᠢ ᠠᠬᠢᠭᠤᠯᠤᠨ᠎ᠠ᠃ ᠣᠷᠣᠨ ᠪᠦᠰᠡ ᠵᠢᠨ ᠬᠠᠮᠲᠤᠷᠠᠯᠴᠠᠭ᠎ᠠ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠬᠤᠷᠰᠢᠯᠴᠠᠬᠤ ᠪᠠᠶ᠋ᠢᠭᠤᠯᠤᠯ ᠲᠣᠭᠲᠠᠴᠠ ᠵᠢ ᠠᠯᠬᠤᠮ ᠠᠯᠬᠤᠮ ᠵᠶ᠋ᠠᠷ ᠪᠦᠷᠢᠨᠰᠢᠭᠦᠯᠵᠦ᠂ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠬᠦᠷᠢᠶᠡᠨ᠎ᠳᠠᠬᠢ ᠬᠠᠮᠲᠤᠷᠠᠯᠴᠠᠭ᠎ᠠ ᠵᠢ ᠢᠳᠡᠪᠬᠢᠲᠡᠶ ᠠᠬᠢᠭᠤᠯᠤᠨ᠎ᠠ᠃
     2020 ᠣᠨ ᠪᠣᠯᠬᠤ᠎ᠳᠤ᠂ ᠠᠵᠢᠯ ᠲᠦᠷᠦᠯ ᠵᠶ᠋ᠠᠷ ᠵᠶ᠋ᠠᠨ ᠬᠠᠪᠰᠤᠷᠤᠨ ᠲᠡᠳᠬᠦᠬᠦ ᠠᠵᠢᠯ᠎ᠳᠤ ᠢᠯᠡᠳᠲᠡ ᠦᠷ᠎ᠡ ᠪᠦᠲᠦᠮᠵᠢ ᠣᠯᠵᠤ᠂ ᠪᠡᠭᠡᠵᠢᠩ᠎ᠠᠴᠠ ᠤᠯᠠᠭ᠋ᠠᠨᠬᠠᠳᠠ᠂ ᠤᠯᠠᠭ᠋ᠠᠨᠴᠠᠪ ᠬᠣᠶᠠᠷ ᠬᠤᠳᠠ ᠵᠢ ᠠᠵᠢᠯ ᠲᠥᠷᠥᠯ ᠵᠶ᠋ᠠᠷ ᠵᠶ᠋ᠠᠨ ᠬᠠᠪᠰᠤᠷᠤᠨ ᠳᠡᠳᠬᠦᠬᠦ ᠠᠵᠢᠯ᠎ᠢ ᠪᠦᠬᠦ ᠤᠯᠤᠰ᠎ᠤᠨ ᠵᠡᠭᠦᠨ ᠪᠠᠷᠠᠭᠤᠨ ᠪᠦᠰᠡ ᠵᠢᠨ ᠶᠠᠳᠠᠭᠤ ᠵᠢ ᠲᠡᠳᠬᠦᠬᠦ ᠬᠠᠮᠲᠤᠷᠠᠯᠴᠠᠭ᠎ᠠ ᠵᠢᠨ ᠠᠵᠢᠯ᠎ᠳᠤ ᠣᠷᠣᠢ᠌ᠯᠠᠭᠤᠯᠤᠨ᠎ᠠ᠃ ᠣᠷᠣᠨ ᠪᠦᠰᠡ ᠵᠢᠨ ᠬᠠᠮᠲᠤᠷᠠᠯᠴᠠᠭ᠋ᠠᠨ᠎ᠤ ᠲᠠᠯ᠎ᠠ᠎ᠪᠠᠷ ᠴᠢᠬᠤᠯᠠ ᠶᠡᠬᠡ ᠰᠢᠪᠲᠤᠯᠤᠯᠲᠠ ᠭᠠᠷᠭ᠋ᠠᠵᠤ᠂ ᠬᠠᠮᠲᠤᠷᠠᠨ ᠬᠥᠭᠵᠢᠬᠦ ᠪᠠᠶ᠋ᠢᠭᠤᠯᠤᠯ ᠲᠣᠭᠲᠠᠴᠠ ᠵᠢ ᠨᠡᠩ ᠪᠦᠷᠢᠨᠰᠢᠭᠦᠯᠵᠦ᠂ ᠬᠣᠶᠠᠷ ᠭᠠᠵᠠᠷ᠎ᠤᠨ ᠠᠵᠤ ᠠᠬᠤᠶ ᠨᠡᠶ᠋ᠢᠭᠡᠮ᠎ᠤᠨ ᠬᠠᠮᠵᠢᠯᠴᠠᠨ ᠬᠥᠭᠵᠢᠬᠦ ᠬᠢᠷᠢ ᠬᠡᠮᠵᠢᠶ᠎ᠡ ᠵᠢ ᠢᠯᠡᠳᠲᠡ ᠳᠡᠭᠡᠭᠰᠢᠯᠡᠭᠦᠯᠵᠦ᠂ ᠬᠠᠮᠲᠤᠷᠠᠯᠴᠠᠬᠤ ᠬᠦᠷᠢᠶ᠎ᠡ ᠬᠡᠪᠴᠢᠶ᠎ᠡ ᠪᠠ ᠭᠦᠨᠴᠡ ᠵᠢ ᠲᠠᠰᠤᠷᠠᠯᠲᠠ ᠦᠭᠡᠢ ᠥᠷᠭᠡᠳᠬᠡᠨ᠎ᠡ᠃
      ᠬᠥᠲᠥᠯᠥᠭᠴᠢ᠄
     《13·5》 ᠵᠢᠨ ᠬᠤᠭᠤᠴᠠᠭ᠋ᠠᠨ᠎ᠳᠤ ᠪᠡᠭᠡᠵᠢᠩ ᠥᠪᠥᠷ ᠮᠣᠩᠭᠣᠯ᠎ᠤᠨ ᠬᠠᠪᠰᠤᠷᠤᠨ ᠲᠡᠳᠬᠦᠬᠦ ᠬᠠᠮᠲᠤᠷᠠᠯᠴᠠᠭ᠋ᠠᠨ᠎ᠤ ᠭᠣᠣᠯᠳᠠᠯᠭ᠎ᠠ᠎ᠲᠠᠢ ᠲᠦᠯᠬᠢᠨ ᠠᠬᠢᠭᠤᠯᠬᠤ ᠡᠭᠦᠷᠭᠡ᠎ᠨᠢ ᠶᠠᠭᠤ ᠪᠤᠢ?
      ᠺᠸ ᠶᠦᠩ ᠭᠦᠸᠸ᠄
      ᠭᠣᠣᠯᠳᠠᠯᠭ᠎ᠠ᠎ᠲᠠᠢ ᠲᠦᠯᠬᠢᠨ ᠠᠬᠢᠭᠤᠯᠬᠤ ᠡᠭᠦᠷᠭᠡ᠎ᠳᠤ ᠭᠣᠣᠯᠳᠠᠭᠤ ᠳᠣᠣᠷᠠᠬᠢ ᠬᠣᠶᠠᠷ ᠲᠠᠯ᠎ᠠ

ᠪᠠᠭᠲᠠᠨ᠎ᠠ᠃
      ᠨᠢᠭᠡ᠎ᠳᠤ ᠥᠪᠥᠷ ᠮᠣᠩᠭᠣᠯ᠎ᠤᠨ ᠭᠣᠣᠯᠳᠠᠯᠭ᠎ᠠ᠎ᠲᠠᠢ ᠭᠠᠵᠠᠷ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢ ᠡᠷᠴᠢᠮᠯᠡᠨ ᠠᠬᠢᠭᠤᠯᠬᠤ ᠪᠣᠯᠣᠨ᠎ᠠ᠃ ᠨᠢᠭᠡ ᠲᠠᠯ᠎ᠠ᠎ᠪᠠᠷ 《ᠨᠢᠭᠡ ᠵᠢ ᠨᠢᠭᠡ᠎ᠳᠤᠨᠢ ᠳᠠᠭ᠋ᠠᠭ᠋ᠠᠯᠭ᠋ᠠᠬᠤ》 ᠬᠣᠣᠰᠯᠠᠯ ᠪᠣᠯᠵᠤ ᠬᠠᠪᠰᠤᠷᠤᠨ ᠲᠡᠳᠬᠦᠬᠦ ᠬᠠᠷᠢᠴᠠᠭ᠎ᠠ ᠵᠢ ᠲᠣᠬᠢᠷᠠᠭᠤᠯᠤᠨ ᠪᠦᠷᠢᠨᠰᠢᠭᠦᠯᠦᠨ᠎ᠡ᠃ 《ᠲᠦᠢ᠍ᠯ᠎ᠤᠨ ᠣᠨᠤᠪᠴᠢᠲᠠᠢ᠎ᠪᠠᠷ ᠶᠠᠳᠠᠭᠤ ᠵᠢ ᠲᠡᠳᠬᠦᠬᠦ᠂ ᠲᠦᠢ᠍ᠯ᠎ᠤᠨ ᠣᠨᠤᠪᠴᠢᠲᠠᠢ᠎ᠪᠠᠷ ᠶᠠᠳᠠᠭᠤ᠎ᠠᠴᠠ ᠠᠩᠭᠢᠵᠢᠷᠠᠭᠤᠯᠬᠤ》 ᠠᠵᠢᠯ᠎ᠤᠨ ᠱᠠᠭ᠋ᠠᠷᠳᠠᠯᠭ᠎ᠠ ᠪᠣᠯᠣᠨ 《ᠲᠠᠪᠤᠨ ᠨᠢᠭᠡ ᠪᠦᠯᠦᠭ》᠎ᠤᠨ ᠶᠠᠳᠠᠭᠤ᠎ᠠᠴᠠ ᠠᠩᠭᠢᠵᠢᠷᠠᠭᠤᠯᠬᠤ ᠠᠷᠭ᠎ᠠ ᠵᠠᠮ ᠵᠶ᠋ᠠᠷ᠂ ᠤᠯᠠᠭ᠋ᠠᠨᠬᠠᠳᠠ ᠬᠤᠳᠠ᠂ ᠤᠯᠠᠭ᠋ᠠᠨᠴᠠᠪ ᠬᠤᠳᠠ ᠵᠢ ᠦᠷᠭᠦᠯᠵᠢᠯᠡᠨ ᠬᠦᠴᠦ᠎ᠪᠠᠨ ᠲᠥᠪᠯᠡᠷᠡᠭᠦᠯᠦᠨ ᠠᠵᠢᠯ ᠲᠥᠷᠥᠯ ᠵᠶ᠋ᠠᠷ ᠵᠶ᠋ᠠᠨ ᠬᠠᠪᠰᠤᠷᠤᠨ ᠲᠡᠳᠬᠦᠨ᠎ᠡ᠃ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ ᠰᠠᠢ᠌ᠵᠢᠷᠠᠭᠤᠯᠬᠤ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠦᠨᠳᠦᠰᠦᠨ ᠬᠢᠷᠢ ᠲᠥᠪᠰᠢᠨ᠎ᠢ ᠳᠡᠭᠡᠭᠰᠢᠯᠡᠭᠦᠯᠬᠦ᠂ ᠬᠥᠭᠵᠢᠯᠲᠡ ᠵᠢᠨ ᠴᠢᠳᠠᠪᠤᠷᠢ ᠵᠢ ᠳᠡᠭᠡᠭᠰᠢᠯᠡᠭᠦᠯᠬᠦ ᠨᠢᠭᠡ ᠪᠦᠯᠦᠭ ᠬᠠᠪᠰᠤᠷᠤᠨ ᠲᠡᠳᠬᠦᠬᠦ ᠲᠥᠷᠥᠯ ᠵᠦᠢ᠍ᠯ᠎ᠢ ᠭᠣᠣᠯᠳᠠᠯᠭ᠎ᠠ᠎ᠲᠠᠢ ᠬᠡᠷᠡᠭᠵᠢᠭᠦᠯᠵᠦ᠂ ᠬᠣᠶᠠᠷ ᠬᠤᠳᠠ ᠵᠢᠨ ᠲᠦᠢ᠍ᠯ᠎ᠤᠨ ᠣᠨᠤᠪᠴᠢᠲᠠᠢ᠎ᠪᠠᠷ ᠶᠠᠳᠠᠭᠤ᠎ᠠᠴᠠ ᠠᠩᠭᠢᠵᠢᠷᠠᠭᠤᠯᠬᠤ ᠲᠤᠰᠠᠯᠠᠮᠵᠢ ᠦᠵᠡᠭᠦᠯᠦᠨ᠎ᠡ᠃ ᠡᠭᠦᠨ᠎ᠤ ᠬᠠᠮᠲᠤ ᠤᠯᠠᠭ᠋ᠠᠨᠬᠠᠳᠠ ᠬᠣᠲᠠ᠂ ᠤᠯᠠᠭ᠋ᠠᠨᠴᠠᠪ ᠬᠣᠲᠠ ᠵᠢᠨ ᠬᠠᠷᠢᠶᠠᠨ᠎ᠳᠠᠬᠢ ᠤᠯᠤᠰ᠎ᠤᠨ ᠶᠠᠳᠠᠭᠤ ᠵᠢ ᠲᠡᠳᠬᠦᠬᠦ ᠠᠵᠢᠯ᠎ᠤᠨ ᠭᠣᠣᠯᠳᠠᠯᠭ᠎ᠠ᠎ᠲᠠᠢ 16 ᠰᠢᠶᠠᠨ (ᠬᠣᠰᠢᠭᠤ)᠎ᠳᠤ ᠪᠦᠷᠢᠨ ᠪᠦᠷᠬᠦᠭᠦᠯᠬᠦ ᠵᠠᠷᠴᠢᠮ ᠵᠶ᠋ᠡᠷ᠂ 《ᠨᠢᠭᠡ ᠵᠢ ᠨᠢᠭᠡ᠎ᠳᠤᠨᠢ ᠳᠠᠭ᠋ᠠᠭ᠋ᠠᠯᠭ᠋ᠠᠬᠤ》 ᠬᠣᠣᠰᠯᠠᠯ ᠪᠣᠯᠵᠤ ᠲᠡᠳᠬᠦᠬᠦ ᠬᠠᠷᠢᠴᠠᠭ᠎ᠠ ᠵᠢ ᠤᠯᠠᠮ ᠨᠢᠭᠡ ᠠᠯᠬᠤᠮ ᠲᠣᠬᠢᠷᠠᠭᠤᠯᠤᠨ ᠪᠦᠷᠢᠨᠰᠢᠭᠦᠯᠦᠨ᠎ᠡ᠃ ᠨᠦᠬᠦᠭᠡ ᠲᠠᠯ᠎ᠠ᠎ᠪᠠᠷ ᠡᠳ᠋᠎ᠤᠨ ᠵᠠᠰᠠᠭ᠎ᠤᠨ ᠪᠡᠯᠡ ᠮᠥᠩᠭᠥᠨ᠎ᠤ ᠣᠷᠣᠭᠤᠯᠤᠯᠲᠠ ᠵᠢᠨ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠵᠤ᠂ 《13·5》 ᠵᠢᠨ ᠬᠤᠭᠤᠴᠠᠭ᠋ᠠᠨ᠎ᠳᠤ᠂ ᠪᠡᠭᠡᠵᠢᠩ ᠬᠣᠲᠠ ᠵᠢᠨ ᠠᠵᠢᠯ ᠲᠦᠷᠦᠯ ᠵᠶ᠋ᠠᠷ ᠵᠶ᠋ᠠᠨ ᠬᠠᠪᠰᠤᠷᠤᠨ ᠲᠡᠳᠬᠦᠬᠦ ᠲᠤᠰᠬᠠᠶ ᠪᠡᠯᠡ ᠮᠥᠩᠭᠥ ᠲᠣᠬᠢᠷᠠᠭᠤᠯᠬᠤ ᠪᠠᠷᠢᠮᠵᠢᠶ᠎ᠠ ᠵᠢ 《12·5》 ᠵᠢᠨ ᠬᠤᠭᠤᠴᠠᠭ᠋ᠠᠨ᠎ᠤ᠎ᠬᠢ᠎ᠠᠴᠠ ᠳᠣᠣᠷ᠎ᠠ ᠪᠠᠢ᠌ᠯᠭ᠋ᠠᠬᠤ ᠦᠭᠡᠢ ᠪᠠᠢ᠌ᠵᠤ᠂ ᠮᠠᠨ᠎ᠤ ᠤᠷᠤᠨ 1᠄1 ᠵᠢᠨ ᠬᠠᠷᠢᠴᠠᠯ ᠵᠶ᠋ᠡᠷ ᠢᠵᠢ ᠪᠦᠷᠢᠳᠦᠭᠰᠡᠨ ᠪᠡᠯᠡ ᠮᠥᠩᠭᠥ ᠲᠣᠬᠢᠷᠠᠭᠤᠯᠤᠨ᠎ᠠ᠃
      ᠬᠣᠶᠠᠷ᠎ᠲᠤ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠦᠢ᠍ᠯᠡᠴᠢᠯᠡᠭᠡᠨ᠎ᠤ ᠦᠢ᠍ᠯᠡᠰ᠂ ᠴᠡᠪᠡᠷ ᠡᠨᠧᠷᠭᠢ᠂ ᠤᠯᠠᠨ ᠨᠡᠶ᠋ᠢᠲᠡ ᠵᠢᠨ ᠦᠢ᠍ᠯᠡᠴᠢᠯᠡᠭᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠦᠢ᠍ᠯᠡᠰ᠂ ᠠᠷᠠᠯᠵᠢᠶ᠎ᠠ ᠬᠤᠳᠠᠯᠳᠤᠭ᠎ᠠ ᠪᠠᠷᠠᠭ᠋ᠠᠨ᠎ᠤ ᠭᠦᠢ᠍ᠯᠭᠡᠭᠡ᠂ ᠰᠠᠭᠤᠷᠢ ᠪᠡᠯᠡᠳᠬᠡᠮᠵᠢ ᠪᠣᠯᠤᠨ ᠤᠯᠤᠰ᠎ᠤᠨ 《ᠨᠢᠭᠡ ᠪᠦᠰᠡ ᠨᠢᠭᠡ ᠵᠠᠮ》᠎ᠳᠤ ᠦᠢ᠍ᠯᠡᠴᠢᠯᠡᠬᠦ ᠪᠠᠶ᠋ᠢᠯᠳᠤᠬᠤ ᠪᠤᠳᠤᠯᠭ᠎ᠠ ᠵᠡᠷᠭᠡ ᠬᠦᠷᠢᠶᠡᠨ᠎ᠳᠠᠬᠢ ᠪᠦᠬᠦ ᠲᠠᠯ᠎ᠠ ᠵᠢᠨ ᠬᠠᠮᠲᠤᠷᠠᠯᠴᠠᠭ᠋ᠠᠨ᠎ᠤ ᠡᠷᠴᠢᠮ ᠵᠶ᠋ᠠᠨ ᠤᠯᠠᠮ ᠴᠢᠩᠭ᠋ᠠᠷᠠᠭᠤᠯᠣᠨ᠎ᠠ᠃ ᠨᠢᠭᠡ᠎ᠳᠤ ᠣᠷᠣᠨ ᠪᠦᠰᠡ ᠵᠢᠨ ᠠᠮᠢ ᠠᠬᠤᠶ ᠵᠢᠨ ᠪᠣᠬᠢᠷᠲᠤᠯ ᠦᠭᠡᠢ ᠬᠠᠯᠬᠠᠪᠴᠢ ᠵᠢ ᠬᠦᠴᠦᠯᠡᠨ ᠪᠠᠶ᠋ᠢᠭᠤᠯᠵᠤ᠂ ᠠᠮᠢ ᠠᠬᠤᠶ ᠵᠢᠨ ᠴᠢᠳᠠᠮᠵᠢᠳᠤ ᠣᠷᠣᠨ᠎ᠤ ᠪᠦᠳᠦᠭᠡᠨ ᠪᠠᠶ᠋ᠢᠭᠤᠯᠤᠯᠲᠠ ᠵᠢ ᠬᠠᠮᠲᠤᠪᠠᠷ ᠠᠬᠢᠭᠤᠯᠤᠨ᠂ ᠣᠷᠴᠢᠨ ᠲᠣᠭᠣᠷᠢᠨ᠎ᠤ ᠪᠣᠬᠢᠷᠲᠤᠯ᠎ᠢ ᠬᠠᠮᠲᠤᠪᠠᠷ ᠰᠡᠷᠭᠡᠢ᠌ᠯᠡᠨ ᠡᠵᠡᠮᠳᠡᠬᠦ ᠵᠢ ᠬᠠᠮᠵᠢᠯᠴᠠᠨ ᠠᠬᠢᠭᠤᠯᠤᠨ᠎ᠠ᠃ ᠬᠣᠶᠠᠷ᠎ᠲᠤ ᠦᠢ᠍ᠯᠡᠴᠢᠯᠡᠭᠡᠨ᠎ᠤ ᠦᠢ᠍ᠯᠡᠰ᠎ᠤᠨ ᠬᠠᠮᠲᠤᠷᠠᠯᠴᠠᠭ᠎ᠠ ᠵᠢ ᠬᠦᠴᠦᠯᠡᠨ ᠠᠬᠢᠭᠤᠯᠵᠤ᠂ ᠵᠢᠭᠤᠯᠴᠢᠯᠠᠯ᠎ᠤᠨ ᠡᠬᠢ ᠪᠠᠶᠠᠯᠢᠭ᠎ᠤᠨ ᠨᠡᠭᠡᠭᠡᠨ ᠠᠰᠢᠭᠯᠠᠯᠲᠠ ᠪᠣᠯᠣᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠦᠨ᠎ᠡ᠃ ᠭᠤᠷᠪᠠ᠎ᠳᠤ ᠴᠡᠪᠡᠷ ᠡᠨᠧᠷᠭᠢ ᠳᠠᠮᠵᠢᠭᠤᠯᠤᠨ ᠬᠦᠷᠭᠡᠬᠦ ᠪᠠᠲᠤᠯᠠᠭ᠎ᠠ ᠵᠢᠨ ᠴᠢᠳᠠᠪᠤᠷᠢ ᠵᠢ ᠬᠦᠴᠦ ᠲᠠᠯᠪᠢᠨ ᠳᠡᠭᠡᠭᠰᠢᠯᠡᠭᠦᠯᠵᠦ᠂ ᠤᠯᠠᠭ᠋ᠠᠨᠬᠠᠳᠠ᠂ ᠤᠯᠠᠭ᠋ᠠᠨᠴᠠᠪ᠎ᠤᠨ ᠴᠡᠪᠡᠷ ᠡᠨᠧᠷᠭᠢ ᠭᠠᠷᠭ᠋ᠠᠬᠤ ᠰᠠᠭᠤᠷᠢᠨ ᠭᠠᠵᠠᠷ᠎ᠢ ᠬᠠᠮᠲᠤ᠎ᠪᠠᠷ ᠪᠦᠳᠤᠭᠡᠨ ᠪᠠᠶ᠋ᠢᠭᠤᠯᠵᠤ᠂ ᠪᠡᠭᠡᠵᠢᠩ᠎ᠤᠨ ᠬᠠᠮᠢᠶ᠎ᠠ ᠪᠦᠬᠦᠢ ᠠᠵᠤ ᠠᠬᠤᠶ᠋ᠢᠯᠠᠯ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠦᠪᠦᠷ ᠮᠣᠩᠭᠣᠯ᠎ᠤᠨ ᠴᠡᠪᠡᠷ ᠡᠨᠧᠷᠭᠢ᠂ ᠨᠡᠭᠦᠷᠡᠰᠦ ᠴᠠᠬᠢᠯᠭ᠋ᠠᠨ᠎ᠤ ᠨᠢᠭᠡ ᠴᠣᠭᠴᠠᠵᠢᠯ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠡᠷᠭᠡ ᠲᠥᠷᠥᠯ ᠵᠦᠢ᠍ᠯ᠎ᠤᠨ ᠪᠥᠳᠥᠭᠡᠨ ᠪᠠᠶ᠋ᠢᠭᠤᠯᠤᠯᠲᠠ᠎ᠳᠤ ᠢᠳᠡᠪᠬᠢᠲᠡᠶ ᠤᠷᠤᠯᠴᠠᠭᠤᠯᠤᠨ᠎ᠠ᠃ ᠳᠥᠷᠪᠡ᠎ᠳᠤ ᠨᠡᠶ᠋ᠢᠭᠡᠮ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠮᠲᠤᠷᠠᠯᠴᠠᠭ᠎ᠠ ᠬᠠᠮᠲᠤ᠎ᠪᠠᠷ ᠬᠥᠷᠲᠡᠬᠦ ᠵᠢ ᠡᠷᠴᠢᠮᠯᠡᠨ ᠠᠬᠢᠭᠤᠯᠵᠤ᠂ ᠰᠤᠷᠭ᠋ᠠᠨ ᠬᠥᠮᠦᠵᠢᠯ᠂ ᠰᠣᠶᠣᠯ ᠪᠣᠯᠪᠠᠰᠤᠷᠠᠯ᠂ ᠡᠮ ᠡᠮᠨᠡᠯᠭᠡ ᠡᠷᠡᠭᠦᠯ ᠬᠠᠮᠠᠭ᠋ᠠᠯᠠᠯ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ ᠵᠢ ᠭᠣᠣᠯᠳᠠᠯᠭ᠎ᠠ᠎ᠲᠠᠢ ᠲᠦᠯᠬᠢᠨ ᠠᠬᠢᠭᠤᠯᠤᠨ᠎ᠠ᠃ ᠲᠠᠪᠤ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠦᠢ᠍ᠯᠡᠰ᠎ᠤᠨ ᠰᠢᠯᠵᠢᠯᠲᠡ ᠵᠢᠨ ᠬᠠᠮᠲᠤᠷᠠᠯᠴᠠᠭ᠎ᠠ ᠵᠢ ᠡᠷᠴᠢᠮᠯᠡᠨ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ ᠪᠣᠯᠣᠨ ᠲᠣᠮᠣ ᠳ᠋ᠠᠢ᠌ᠲ᠋ᠠ ᠵᠢᠨ ᠠᠵᠤ ᠦᠢ᠍ᠯᠡᠰ᠎ᠤᠨ ᠬᠦᠷᠢᠶᠡᠯᠡᠩ᠎ᠢ ᠬᠠᠮᠲᠤᠪᠠᠷ ᠪᠦᠳᠦᠭᠡᠨ ᠪᠠᠶ᠋ᠢᠭᠤᠯᠵᠤ᠂ ᠪᠡᠭᠡᠵᠢᠩ᠎ᠤᠨ ᠡᠯ᠎ᠡ ᠲᠦᠷᠦᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠥᠪᠥᠷ ᠮᠣᠩᠭᠣᠯ᠎ᠳᠤ ᠤᠯᠠᠷᠢᠭᠤᠯᠬᠤ ᠵᠢ ᠬᠠᠮᠵᠢᠯᠴᠠᠨ ᠠᠬᠢᠭᠤᠯᠤᠨ᠎ᠠ᠃ ᠵᠢᠷᠭᠤᠭ᠎ᠠ᠎ᠳᠤ ᠠᠷᠠᠯᠵᠢᠶ᠎ᠠ ᠬᠤᠳᠠᠯᠳᠤᠭ᠎ᠠ ᠪᠠᠷᠠᠭ᠋ᠠᠨ᠎ᠤ ᠭᠦᠢ᠍ᠯᠭᠡᠭᠡ ᠵᠢᠨ ᠠᠵᠤ ᠦᠢ᠍ᠯᠡᠰ᠎ᠤᠨ ᠬᠠᠮᠲᠤᠷᠠᠯᠴᠠᠭ᠎ᠠ ᠵᠢ ᠡᠷᠴᠢᠮᠯᠡᠨ ᠭᠦᠨᠵᠡᠭᠡᠶ᠋ᠢᠷᠡᠭᠦᠯᠵᠦ᠂ ᠨᠡᠶ᠋ᠢᠰᠯᠡᠯ᠎ᠤᠨ ᠪᠣᠬᠢᠷᠲᠤᠯ ᠦᠭᠡᠢ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠬᠠᠩᠭ᠋ᠠᠯᠭ᠎ᠠ ᠵᠢ ᠬᠠᠮᠵᠢᠯᠴᠠᠨ ᠪᠠᠲᠤᠯᠠᠵᠤ᠂ ᠪᠡᠭᠡᠵᠢᠩ ᠬᠤᠳᠠ ᠵᠢᠨ ᠬᠥᠳᠡᠯᠮᠦᠷᠢ ᠬᠦᠴᠦ ᠨᠢᠭᠲᠠᠷᠠᠭᠰᠠᠨ ᠬᠡᠯᠪᠡᠷᠢ ᠵᠢᠨ ᠠᠵᠤ ᠦᠢ᠍ᠯᠡᠰ᠎ᠢ ᠦᠪᠦᠷ ᠮᠣᠩᠭᠣᠯ᠎ᠳᠤ ᠰᠢᠯᠵᠢᠭᠦᠯᠬᠦ ᠵᠢ ᠬᠠᠮᠲᠤ᠎ᠪᠠᠷ ᠲᠦᠯᠬᠢᠨ ᠠᠬᠢᠭᠤᠯᠤᠨ᠎ᠠ᠃ ᠲᠣᠯᠣᠭ᠎ᠠ᠎ᠳᠤ ᠣᠷᠣᠨ ᠪᠦᠰᠡ ᠵᠢᠨ ᠵᠠᠮ ᠬᠠᠷᠢᠯᠴᠠᠭ᠋ᠠᠨ᠎ᠤ ᠰᠠᠭᠤᠷᠢ ᠪᠡᠯᠡᠳᠬᠡᠮᠵᠢ ᠵᠢᠨ ᠬᠠᠷᠢᠯᠴᠠᠨ ᠬᠣᠯᠪᠣᠯᠳᠤᠵᠤ ᠬᠠᠷᠢᠯᠴᠠᠨ ᠨᠡᠪᠲᠡᠷᠡᠯᠴᠡᠬᠦ ᠵᠢ ᠬᠦᠴᠦ ᠲᠠᠯᠪᠢᠨ ᠲᠦᠷᠭᠡᠳᠬᠡᠵᠦ᠂ ᠬᠥᠬᠡᠬᠣᠲᠠ᠎ᠠᠴᠠ ᠪᠡᠭᠡᠵᠢᠩ᠎ᠳᠤ ᠬᠦᠷᠬᠦ ᠵᠡᠷᠭᠡ ᠠᠶᠠᠨᠴᠢᠳ᠎ᠤᠨ ᠲᠡᠭᠡᠭᠡᠪᠦᠷᠢ ᠵᠢᠨ ᠲᠤᠰᠬᠠᠶ ᠱᠤᠭᠤᠮ᠎ᠤᠨ ᠲᠥᠷᠥᠯ ᠵᠦᠢ᠍ᠯ᠎ᠢ ᠲᠥᠷᠭᠡᠳᠬᠡᠨ ᠬᠡᠷᠡᠭᠵᠢᠭᠦᠯᠵᠦ᠂ ᠪᠡᠭᠡᠵᠢᠩ ᠥᠪᠥᠷ ᠮᠣᠩᠭᠣᠯ᠎ᠤᠨ ᠬᠣᠭᠣᠷᠣᠨᠳᠣᠬᠢ ᠲᠦᠷᠭᠡᠨ ᠬᠤᠷᠳᠤᠴᠠᠲᠤ ᠵᠠᠰᠠᠮᠠᠯ ᠵᠠᠮ᠎ᠤᠨ ᠨᠡᠪᠲᠡᠷᠡᠯ᠎ᠢ ᠬᠠᠮᠲᠤ᠎ᠪᠠᠷ ᠪᠦᠷᠢᠨᠰᠢᠭᠦᠯᠦᠨ᠎ᠡ᠃ ᠨᠠᠢ᠍ᠮᠠ᠎ᠳᠤ ᠤᠯᠤᠰ᠎ᠤᠨ 《ᠨᠢᠭᠡ ᠪᠦᠰᠡ ᠨᠢᠭᠡ ᠵᠠᠮ》 ᠪᠠᠶ᠋ᠢᠯᠳᠤᠬᠤ ᠪᠤᠳᠤᠯᠭ᠎ᠠ᠎ᠳᠤ ᠬᠦᠴᠦ ᠲᠠᠯᠪᠢᠨ

ᠦᠢ᠍ᠯᠡᠴᠢᠯᠡᠵᠦ᠂ 《ᠳᠤᠮᠳᠠᠳᠤ ᠮᠣᠩᠭᠣᠯ ᠣᠷᠣᠰ᠎ᠤᠨ ᠠᠵᠤ ᠠᠬᠤᠶ ᠵᠢᠨ ᠬᠣᠩᠭᠢᠯ》᠎ᠤᠨ ᠪᠦᠲᠦᠭᠡᠨ ᠪᠠᠶ᠋ᠢᠭᠤᠯᠤᠯᠲᠠ ᠵᠢ ᠬᠠᠮᠲᠤᠪᠠᠷ ᠠᠬᠢᠭᠤᠯᠤᠨ᠂ ᠬᠣᠶᠠᠷ ᠭᠠᠵᠠᠷ᠎ᠢ ᠬᠣᠯᠪᠣᠭᠰᠠᠨ᠂ ᠤᠷᠤᠰ ᠮᠣᠩᠭᠣᠯ ᠬᠣᠶᠠᠷ ᠤᠯᠤᠰ᠎ᠲᠤ ᠦᠢ᠍ᠯᠡᠳᠦᠯ ᠦᠵᠡᠭᠦᠯᠬᠦ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠰᠢᠰᠲᠸᠮᠵᠢ ᠵᠢ ᠴᠢᠷᠮᠠᠶ᠋ᠢᠨ ᠪᠠᠢ᠌ᠭᠤᠯᠤᠨ᠎ᠠ᠃
      ᠬᠥᠲᠥᠯᠥᠭᠴᠢ᠄
      ᠲᠡᠭᠡᠪᠡᠯ᠂ 《13·5》 ᠵᠢᠨ ᠬᠤᠭᠤᠴᠠᠭ᠋ᠠᠨ᠎ᠳᠤ ᠪᠡᠭᠡᠵᠢᠩ ᠥᠪᠥᠷ ᠮᠣᠩᠭᠣᠯ᠎ᠤᠨ ᠬᠠᠪᠰᠤᠷᠤᠨ ᠲᠡᠳᠬᠦᠬᠦ ᠬᠠᠮᠲᠤᠷᠠᠯᠴᠠᠭ᠋ᠠᠨ᠎ᠤ ᠠᠵᠢᠯ᠎ᠢ ᠬᠡᠷᠬᠢᠨ ᠪᠠᠲᠤᠯᠠᠬᠤ ᠪᠤᠢ?
      ᠺᠸ ᠶᠦᠩ ᠭᠦᠸᠸ᠄  
      ᠨᠢᠭᠡ᠎ᠳᠤ᠂ ᠣᠷᠣᠨ ᠪᠦᠰᠡ ᠵᠢᠨ ᠬᠠᠮᠲᠤᠷᠠᠯᠴᠠᠭ᠋ᠠᠨ᠎ᠤ ᠵᠣᠬᠢᠴᠠᠭᠤᠯᠬᠤ ᠲᠣᠭᠲᠠᠴᠠ ᠵᠢ ᠤᠯᠠᠮ ᠪᠦᠷᠢᠨᠰᠢᠭᠦᠯᠵᠦ᠂ ᠬᠣᠶᠠᠷ ᠲᠠᠯ᠎ᠠ ᠵᠢᠨ ᠳᠡᠭᠡᠳᠦ ᠳᠠᠪᠬᠤᠷᠭ᠎ᠠ ᠵᠢᠨ ᠤᠳᠤᠷᠢᠳᠤᠯᠭ᠎ᠠ᠎ᠨᠤᠭᠤᠳ᠎ᠤᠨ ᠬᠠᠷᠢᠯᠴᠠᠨ ᠠᠢ᠌ᠯᠴᠢᠯᠠᠬᠤ ᠪᠠ ᠬᠣᠯᠪᠣᠭ᠋ᠠᠲᠤ ᠬᠤᠷᠠᠯ᠎ᠤᠨ ᠲᠥᠷᠢᠮ᠎ᠢ ᠪᠠᠶ᠋ᠢᠭᠤᠯᠵᠤ᠂ ᠪᠡᠭᠡᠵᠢᠩ ᠬᠢᠭᠡᠳ ᠥᠪᠥᠷ ᠮᠣᠩᠭᠣᠯ᠎ᠤᠨ ᠬᠠᠮᠲᠤᠷᠠᠯᠴᠠᠭ᠋ᠠᠨ᠎ᠤ ᠳᠡᠭᠡᠳᠦ ᠳᠠᠪᠬᠤᠷᠭ᠎ᠠ ᠵᠢᠨ ᠶᠠᠷᠢᠶᠠᠨ᠎ᠤ ᠲᠠᠪᠴᠠᠩ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠡᠷᠬᠢᠯᠡᠵᠦ  ᠂ ᠬᠠᠮᠲᠤᠷᠠᠯᠴᠠᠭ᠋ᠠᠨ ᠳᠤᠮᠳᠠᠬᠢ ᠴᠢᠬᠤᠯᠠ ᠶᠡᠬᠡ ᠠᠰᠠᠭᠤᠳᠠᠯ᠎ᠢ ᠬᠠᠮᠲᠤᠪᠠᠷ ᠰᠣᠳᠤᠯᠣᠨ᠎ᠠ᠃
      ᠬᠣᠶᠠᠷ᠎ᠲᠤ ᠴᠢᠬᠤᠯᠠ ᠶᠡᠬᠡ ᠲᠥᠷᠥᠯ ᠵᠦᠢ᠍ᠯ ᠪᠣᠯᠤᠨ ᠭᠣᠣᠯᠳᠠᠯᠭ᠎ᠠ᠎ᠲᠠᠢ ᠰᠡᠳᠦᠪ᠎ᠤᠨ ᠰᠣᠳᠤᠯᠭ᠋ᠠᠨ᠎ᠢ ᠲᠦᠯᠬᠢᠨ ᠠᠬᠢᠭᠤᠯᠬᠤ ᠲᠣᠭᠲᠠᠴᠠ ᠵᠢ ᠪᠠᠶ᠋ᠢᠭᠤᠯᠵᠤ᠂ 《〈13·5〉 ᠵᠢᠨ ᠲᠦᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠪᠡᠭᠡᠵᠢᠩ ᠥᠪᠥᠷ ᠮᠣᠩᠭᠣᠯ᠎ᠤᠨ ᠠᠵᠢᠯ ᠲᠦᠷᠦᠯ ᠵᠶ᠋ᠠᠷ ᠵᠶ᠋ᠠᠨ ᠬᠠᠪᠰᠤᠷᠤᠨ ᠲᠡᠳᠬᠦᠬᠦ ᠪᠠ ᠣᠷᠣᠨ ᠪᠦᠰᠡ ᠵᠢᠨ ᠬᠠᠮᠲᠤᠷᠠᠯᠴᠠᠭ᠋ᠠᠨ᠎ᠤ ᠲᠥᠯᠥᠪᠵᠢᠭᠦᠯᠭᠡ》 ᠵᠢ ᠬᠠᠮᠲᠤᠪᠠᠷ ᠨᠠᠢ᠌ᠷᠠᠭᠤᠯᠤᠨ ᠬᠡᠷᠡᠭᠵᠢᠭᠦᠯᠵᠦ᠂ ᠴᠢᠬᠤᠯᠠ ᠶᠡᠬᠡ ᠲᠥᠷᠥᠯ ᠵᠦᠢ᠍ᠯ ᠪᠣᠯᠤᠨ ᠭᠣᠣᠯᠳᠠᠯᠭ᠎ᠠ᠎ᠲᠠᠢ ᠰᠡᠳᠦᠪ᠎ᠤᠨ ᠰᠣᠳᠤᠯᠭ᠋ᠠᠨ᠎ᠢ ᠬᠠᠮᠲᠤᠪᠠᠷ ᠥᠷᠨᠢᠭᠦᠯᠵᠦ᠂ 《ᠬᠠᠮᠲᠤᠷᠠᠯᠴᠠᠭ᠋ᠠᠨ᠎ᠤ ᠬᠠᠮᠲᠤ ᠵᠢᠨ ᠲᠠᠨᠢᠯᠲᠠ》 ᠵᠢ 《ᠪᠣᠳᠠᠲᠠᠶ ᠦᠷ᠎ᠡ ᠪᠦᠲᠦᠭᠡᠯ》 ᠲᠡᠰᠢ ᠰᠢᠯᠵᠢᠭᠦᠯᠬᠦ ᠵᠢ ᠠᠬᠢᠭᠤᠯᠤᠨ᠎ᠠ᠃
      ᠭᠤᠷᠪᠠ᠎ᠳᠤ ᠬᠥᠮᠦᠨ᠎ᠤ ᠬᠦᠴᠦᠨ᠎ᠤ ᠡᠬᠢ ᠪᠠᠶᠠᠯᠢᠭ᠎ᠢ ᠬᠠᠮᠲᠤ ᠬᠦᠷᠲᠡᠬᠦ ᠪᠠ ᠬᠠᠷᠢᠯᠴᠠᠨ ᠺᠠᠳ᠋ᠷ ᠲᠣᠮᠢᠯᠠᠨ ᠰᠣᠯᠢᠯᠴᠠᠬᠤ ᠲᠣᠭᠲᠠᠴᠠ ᠵᠢ ᠭᠦᠨᠵᠡᠭᠡᠶ᠋ᠢᠷᠡᠭᠦᠯᠵᠦ᠂ 《ᠬᠠᠯᠢᠭᠤᠨ ᠭᠠᠯᠠᠭᠤ ᠵᠢᠨ ᠠᠵᠢᠯᠯᠠᠭ᠎ᠠ》 ᠵᠢᠨ ᠲᠥᠯᠥᠪᠯᠡᠭᠡ ᠪᠣᠯᠣᠨ 《ᠪᠡᠭᠡᠵᠢᠩ ᠥᠪᠥᠷ ᠮᠣᠩᠭᠣᠯ᠎ᠤᠨ ᠭᠡᠷᠡᠯ ᠭᠢᠯᠪᠠᠭ᠎ᠠ》 ᠳᠡᠭᠡᠳᠦ ᠳᠡᠰ ᠳᠠᠪᠬᠤᠷᠭ᠎ᠠ ᠵᠢᠨ ᠴᠢᠳᠠᠪᠤᠷᠢᠲᠠᠨ᠎ᠤ ᠲᠥᠯᠥᠪᠯᠡᠭᠡ᠎ᠪᠠᠷ ᠲᠦᠰᠢᠭ ᠪᠣᠯᠭ᠋ᠠᠨ᠂ ᠬᠣᠶᠠᠷ ᠲᠠᠯ᠎ᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ᠎ᠢ ᠬᠠᠮᠲᠤᠪᠠᠷ ᠬᠦᠷᠲᠡᠬᠦ ᠲᠣᠭᠲᠠᠴᠠ ᠵᠢ ᠪᠠᠢ᠌ᠭᠤᠯᠤᠨ᠎ᠠ᠃ ᠪᠡᠭᠡᠵᠢᠩ ᠥᠪᠥᠷ ᠮᠣᠩᠭᠣᠯ᠎ᠤᠨ ᠬᠠᠷᠢᠯᠴᠠᠨ ᠺᠠᠳ᠋ᠷ ᠲᠣᠮᠢᠯᠠᠵᠤ ᠲᠤᠰᠢᠶᠠᠯ ᠡᠭᠦᠷᠭᠡᠯᠡᠭᠦᠯᠬᠦ ᠠᠵᠢᠯ᠎ᠤᠨ ᠲᠣᠭᠲᠠᠴᠠ ᠵᠢ ᠦᠷᠭᠦᠯᠵᠢᠯᠡᠨ ᠪᠦᠷᠢᠨᠰᠢᠭᠦᠯᠵᠦ᠂ ᠡᠳᠡᠭᠡᠷ ᠲᠤᠰᠢᠶᠠᠯ ᠡᠭᠦᠷᠭᠡᠯᠡᠬᠦ ᠺᠠᠳ᠋ᠷ᠎ᠤᠨ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃
      ᠬᠥᠲᠥᠯᠥᠭᠴᠢ᠄
      ᠵᠠ ᠰᠡᠢ᠌ᠠ ᠪᠣᠯᠣᠯ᠎ᠠ᠂ ᠺᠸ ᠡᠷᠬᠢᠯᠡᠭᠴᠢ ᠵᠢᠨ ᠲᠠᠢ᠌ᠯᠤᠮᠵᠢ ᠬᠢᠭᠰᠡᠨ᠎ᠳᠤ ᠲᠤᠩ ᠲᠠᠯᠠᠷᠬᠠᠵᠤ ᠪᠠᠢ᠌ᠨ᠎ᠠ᠂ ᠰᠦᠯᠵᠢᠶᠡᠨ᠎ᠤ ᠠᠨᠳᠠ ᠨᠠᠷ᠎ᠤᠨ ᠤᠷᠤᠯᠴᠠᠭᠰᠠᠨ᠎ᠳᠤ ᠴᠦ᠍ ᠲᠠᠯᠠᠷᠬᠠᠵᠤ ᠪᠠᠢ᠌ᠨ᠎ᠠ᠂ ᠲᠤᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠬᠦᠷᠦᠭᠡᠳ ᠲᠡᠭᠦᠰᠦᠯ᠎ᠡ᠂ ᠳᠠᠷᠠᠭ᠋ᠠᠴᠢ ᠵᠢᠨ ᠳ᠋ᠤᠭ᠋ᠠᠷ᠎ᠲᠤ ᠪᠠᠶᠠᠷᠲᠠᠶ ᠵᠣᠯᠭ᠋ᠠᠶ᠎ᠠ᠃

ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠭᠡᠷ ᠪᠦᠯᠢ ᠵᠢᠨ ᠡᠮᠴᠢ ᠵᠢᠨ ᠭᠡᠷᠡᠲᠦ ᠦᠢ᠍ᠯᠡᠴᠢᠯᠡᠭᠡ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠶᠠᠳᠠᠭᠤ ᠵᠢ ᠲᠡᠳᠬᠦᠬᠦ ᠰᠢᠪᠲᠤᠯᠤᠯᠲᠠ᠎ᠳᠤ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠪᠣᠯ ᠵᠠᠩᠭᠢᠯᠠᠭ᠎ᠠ ᠮᠥᠨ
ᠴᠠᠭ ᠲᠣᠬᠢᠶᠠᠯ᠎ᠢ ᠠᠮᠵᠢᠨ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ ᠥᠪᠥᠷ ᠮᠣᠩᠭᠣᠯ᠎ᠤᠨ ᠬᠦᠭᠵᠢᠨ ᠮᠠᠨᠳᠤᠭᠰᠠᠨ ᠰᠢᠨ᠎ᠡ ᠪᠠᠶ᠋ᠢᠳᠠᠯ᠎ᠢ ᠲᠠᠰᠣᠷᠠᠯᠲᠠ ᠣᠢ᠍ᠭᠡᠢ ᠪᠤᠢ ᠪᠣᠯᠭ᠋ᠠᠶ᠎ᠠ
ᠭᠠᠶ᠋ᠢᠯᠢ ᠲᠠᠲᠠᠪᠤᠷᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠠᠷᠠᠭ᠋ᠠᠯᠵᠠᠯ ᠦᠵᠡᠭᠦᠯᠬᠦ ᠲᠦᠷᠦ ᠵᠢᠨ ᠪᠤᠳᠤᠯᠬ᠎ᠠ ᠵᠢ ᠨᠠᠢ᠌ᠳᠠᠪᠤᠷᠢᠵᠢᠭᠤᠯᠤᠨ᠎ᠠ
ᠥᠪᠥᠷ ᠮᠣᠩᠭᠣᠯ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠭᠦ ᠬᠦᠴᠦᠨ ᠵᠶ᠋ᠠᠷ ᠵᠶ᠋ᠠᠨ ᠴᠤᠭᠴᠠᠯᠠᠵᠤ ᠪᠤᠢ
 
            