
ᠰᠤᠷᠪᠤᠯᠵᠢᠯᠠᠭᠰᠠᠨ ᠴᠠᠭ᠄
2017 ᠣᠨ᠎ᠤ 8 ᠳ᠋ᠤᠭ᠋ᠠᠷ ᠰᠠᠷ᠎ᠠ ᠵᠢᠨ 28᠎ᠤ ᠡᠳᠦᠷ᠎ᠤᠨ ᠦᠳᠡ ᠵᠢᠨ ᠡᠮᠦᠨᠡᠬᠢ 10 ᠴᠠᠭ᠎ᠲᠤ
ᠰᠤᠷᠪᠤᠯᠵᠢᠯᠠᠭᠰᠠᠨ ᠵᠣᠴᠢᠨ᠄
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ ᠭᠡᠰᠢᠭᠦᠨ᠂ ᠳᠡᠳ᠋ ᠡᠷᠬᠢᠯᠡᠭᠴᠢ ᠶᠦᠨ ᠭᠦᠸᠸ ᠱᠸᠩ
ᠰᠤᠷᠪᠤᠯᠵᠢᠯᠠᠭ᠎ᠠ ᠵᠢᠨ ᠲᠣᠪᠴᠢ ᠲᠠᠨᠢᠯᠴᠠᠭᠤᠯᠭ᠎ᠠ᠄
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ 34 ᠳ᠋ᠦ᠍ᠭᠡᠷ ᠠᠵᠢᠯᠯᠠᠭ᠋ᠠᠨ᠎ᠤ ᠰᠠᠷ᠎ᠠ ᠬᠦᠷᠴᠦ ᠢᠷᠡᠬᠦ ᠵᠢᠨ ᠲᠠᠰᠢᠷᠠᠮ ᠵᠶ᠋ᠠᠷ᠂ ᠮᠠᠨ᠎ᠤ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠲᠠ ᠵᠢᠨ ᠡᠭᠦᠳᠦᠨ ᠪᠠᠢ᠌ᠭᠤᠯᠤᠭᠰᠠᠨ ᠦᠨᠳᠦᠰᠦᠨ ᠪᠠᠶ᠋ᠢᠳᠠᠯ᠂ ᠭᠣᠣᠯ ᠠᠷᠭ᠎ᠠ ᠬᠡᠮᠵᠢᠶ᠎ᠡ ᠪᠣᠯᠣᠨ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠤᠬᠠᠭᠤᠯᠵᠤ᠂ ᠮᠠᠨ᠎ᠤ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠤᠨ ᠴᠡᠴᠡᠭᠯᠡᠨ ᠬᠥᠭᠵᠢᠬᠦ ᠵᠢ ᠠᠬᠢᠭᠤᠯᠤᠨ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ᠎ᠳᠤ ᠪᠦᠯᠬᠦᠮᠳᠡᠨ ᠳᠠᠪᠰᠢᠭᠰᠠᠨ ᠰᠠᠶ᠋ᠢᠨ ᠰᠠᠶ᠋ᠢᠬᠠᠨ ᠨᠡᠶ᠋ᠢᠭᠡᠮ᠎ᠤᠨ ᠠᠭᠤᠷ ᠠᠮᠢᠰᠬᠤᠯ᠎ᠢ ᠪᠤᠢ ᠪᠣᠯᠭ᠋ᠠᠬᠤ ᠵᠢᠨ ᠲᠤᠰᠠᠳᠠ᠂ ᠪᠢᠳᠡ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠳᠡᠳ᠋ ᠡᠷᠬᠢᠯᠡᠭᠴᠢ ᠶᠦᠨ ᠭᠦᠸᠸ ᠱᠸᠩᠢ ᠲᠤᠰᠬᠠᠢ᠌ᠯᠠᠨ ᠤᠷᠢᠵᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ᠎ᠳᠡᠭᠡᠨ ᠰᠠᠭ᠋ᠠᠲᠠᠭᠤᠯᠪᠠ᠂ ᠥᠷᠭᠡᠨ ᠣᠯᠠᠨ ᠰᠦᠯᠵᠢᠶᠡᠨ᠎ᠤ ᠠᠨᠳᠠ ᠨᠠᠷ ᠮᠢᠨᠢ ᠢᠳᠡᠪᠬᠢᠲᠡᠶ ᠣᠷᠣᠯᠴᠠᠬᠤ ᠵᠢ ᠪᠠᠶᠠᠷᠯᠠᠨ ᠤᠭᠲᠤᠵᠤ ᠪᠠᠶ᠋ᠢᠨ᠎ᠠ!
ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ
ᠬᠦᠲᠦᠯᠦᠭᠴᠢ᠄
ᠰᠦᠯᠵᠢᠶᠡᠨ ᠠᠨᠳᠠ ᠨᠠᠷ ᠰᠠᠢ᠌ᠨ ᠪᠠᠢ᠌ᠵᠠᠭ᠋ᠠᠨ᠎ᠠ ᠤᠤ! ᠲᠤᠰ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠢᠨ ᠪᠤᠯᠤᠩ᠎ᠢ ᠭᠥᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠶ᠋ᠢᠨ᠎ᠠ᠃ ᠥᠨᠥᠳᠦᠷ ᠪᠢᠳ᠋ᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ ᠭᠡᠰᠢᠭᠦᠨ᠂ ᠳᠡᠳ᠋ ᠡᠷᠬᠢᠯᠡᠭᠴᠢ ᠶᠦᠨ ᠭᠦᠸᠸ ᠱᠸᠩᠢ ᠤᠷᠢᠵᠤ᠂ ᠮᠠᠨ᠎ᠤ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠲᠠ ᠵᠢ ᠡᠭᠦᠳᠦᠨ ᠪᠠᠢ᠌ᠭᠤᠯᠤᠭᠰᠠᠨ ᠠᠵᠢᠯ᠎ᠤᠨ ᠦᠨᠳᠦᠰᠦᠨ ᠪᠠᠶ᠋ᠢᠳᠠᠯ᠎ᠤᠨ ᠲᠤᠬᠠᠶ ᠣᠯᠠᠨ᠎ᠲᠠᠢ ᠰᠦᠯᠵᠢᠶᠡᠨ ᠳᠡᠭᠡᠷ᠎ᠡ ᠰᠠᠨᠠᠯ ᠵᠶ᠋ᠠᠨ ᠰᠣᠯᠢᠯᠴᠠᠬᠤ ᠪᠣᠯᠤᠨ᠎ᠠ᠃ ᠶᠦᠨ ᠡᠷᠬᠢᠯᠡᠭᠴᠢ ᠡ᠂ ᠲᠠᠨ᠎ᠢ ᠪᠠᠶᠠᠷᠯᠠᠨ ᠤᠭᠲᠤᠵᠤ ᠪᠠᠶ᠋ᠢᠨ᠎ᠠ!
ᠶᠦᠨ ᠭᠦᠸᠸ ᠱᠸᠩ᠄
ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠳᠠᠬᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠮᠵᠢᠯᠭᠡ ᠪᠣᠯᠣᠨ ᠬᠥᠨᠳᠥᠳᠬᠡᠯ᠎ᠳᠤ ᠮᠠᠰᠢ ᠲᠠᠯᠠᠷᠬᠠᠵᠤ ᠪᠠᠢ᠌ᠨ᠎ᠠ᠃ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ ᠪᠣᠯ ᠪᠦᠬᠦ ᠣᠷᠣᠨ᠎ᠤ ᠦᠨᠳᠦᠰᠦᠲᠡᠨ᠎ᠨᠦᠭᠦᠳ ᠠᠷᠠᠳ ᠲᠦᠮᠡᠨ᠎ᠤ ᠬᠠᠮᠲᠤ ᠵᠢᠨ ᠠᠰᠢᠭ ᠲᠤᠰᠠ ᠪᠣᠯᠤᠨ ᠬᠦᠰᠡᠯ ᠡᠷᠡᠮᠡᠯᠵᠡᠯ ᠮᠦᠨ᠂ ᠪᠠᠰᠠᠴᠦ ᠮᠠᠨ᠎ᠤ ᠦᠨᠳᠦᠰᠦᠲᠡᠨ᠎ᠤ ᠠᠵᠢᠯ᠎ᠤᠨ ᠭᠣᠣᠯ ᠰᠡᠳᠦᠪ ᠮᠥᠨ᠂ ᠤᠷᠳᠤ ᠬᠤᠭᠤᠴᠠᠭ᠋ᠠᠨ᠎ᠤ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠵᠥᠪ ᠤᠳᠤᠷᠢᠳᠤᠯᠭ᠎ᠠ ᠳᠣᠣᠷ᠎ᠠ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ ᠵᠢᠨ ᠴᠢᠷᠮᠠᠶ᠋ᠢᠯᠭ᠎ᠠ ᠳᠣᠣᠷ᠎ᠠ᠂ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠲᠠ ᠵᠢ ᠡᠭᠦᠳᠦᠨ ᠪᠠᠢ᠌ᠭᠤᠯᠤᠭᠰᠠᠨ ᠠᠵᠢᠯ᠎ᠤᠨ ᠣᠯᠤᠭᠰᠠᠨ ᠠᠮᠵᠢᠯᠲᠠ ᠪᠣᠯᠣᠨ ᠲᠤᠷᠰᠢᠯᠭ᠎ᠠ ᠵᠢ ᠦᠨᠦᠳᠦᠷ ᠪᠢ ᠨᠡᠢ᠌ᠲᠡ ᠣᠯᠠᠨ᠎ᠳᠠᠭᠠᠨ ᠬᠠᠷᠢᠭᠤ ᠮᠡᠳᠡᠭᠦᠯᠦᠶ᠎ᠡ᠃
ᠬᠦᠲᠦᠯᠦᠭᠴᠢ᠄
ᠮᠠᠨ᠎ᠤ ᠮᠡᠳᠡᠭᠡᠵᠢ᠎ᠪᠠᠷ᠂ ᠲᠦᠷᠢᠮ ᠶᠣᠰᠣ ᠦᠭᠡᠢ ᠪᠣᠯ ᠬᠡᠪ ᠵᠠᠩᠰᠢᠯ ᠪᠤᠯᠵᠤ ᠴᠢᠳᠠᠬᠤ ᠦᠭᠡᠢ᠂ ᠲᠡᠭᠡᠪᠡᠯ ᠲᠠ ᠦᠨᠳᠦᠰᠦᠲᠡᠨ᠎ᠤ ᠪᠦᠯᠬᠦᠮᠳᠡᠯ ᠲᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠤᠨ ᠲᠠᠯ᠎ᠠ᠎ᠪᠠᠷ ᠪᠦᠷ ᠶᠠᠮᠠᠷ ᠶᠠᠮᠠᠷ ᠴᠢᠭᠯᠡᠯᠲᠡ ᠲᠦᠷᠦ ᠵᠢᠨ ᠪᠤᠳᠤᠯᠭ᠎ᠠ ᠪᠤᠶᠤ ᠲᠥᠷᠢᠮ ᠪᠠᠢ᠌ᠬᠤ ᠵᠢ ᠪᠢᠳᠡᠨ᠎ᠳᠤ ᠶᠠᠷᠢᠭ᠋ᠠᠳ ᠥᠭᠭᠥᠨ᠎ᠡ ᠤᠤ?
ᠶᠦᠨ ᠭᠦᠸᠸ ᠱᠸᠩ᠄
ᠡᠭᠦᠳᠦᠨ ᠪᠠᠶ᠋ᠢᠭᠤᠯᠬᠤ ᠠᠵᠢᠯ᠎ᠤᠨ ᠲᠦᠷᠦ ᠵᠢᠨ ᠪᠤᠳᠤᠯᠭ᠎ᠠ ᠵᠢᠨ ᠵᠢᠯᠣᠭᠣᠳᠬᠤ ᠰᠢᠰᠲᠸᠮᠵᠢ ᠪᠣᠯᠣᠨ ᠪᠠᠷᠢᠮᠵᠢᠶ᠎ᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ 《ᠰᠢᠨ᠎ᠡ ᠪᠠᠶ᠋ᠢᠳᠠᠯ ᠳᠣᠣᠷᠠᠬᠢ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ᠂ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠵᠢ ᠥᠨᠡᠯᠡᠨ ᠵᠢᠱ᠌ᠢᠵᠦ ᠬᠥᠬᠢᠭᠦᠯᠦᠨ ᠰᠠᠢ᠌ᠰᠢᠶᠠᠬᠤ ᠠᠷᠭ᠎ᠠ》 ᠵᠢ ᠳᠠᠷᠤᠮᠠᠯᠯᠠᠨ ᠲᠠᠷᠬᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ 《ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠢ᠌ᠭᠤᠯᠬᠤ ᠠᠵᠢᠯᠯᠠᠭ᠋ᠠᠨ᠎ᠢ ᠤᠯᠠᠮ ᠨᠢᠭᠡ ᠠᠯᠬᠤᠮ ᠥᠷᠨᠢᠭᠦᠯᠬᠦ ᠲᠤᠬᠠᠶ ᠬᠡᠷᠡᠭᠵᠢᠭᠦᠯᠬᠦ ᠰᠠᠨᠠᠯ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠤᠨ ᠵᠢᠱ᠌ᠢᠶ᠎ᠡ ᠦᠵᠡᠭᠦᠯᠬᠦ ᠨᠢᠭᠡᠴᠡ ᠵᠢ ᠨᠡᠷᠡᠯᠡᠬᠦ ᠬᠠᠮᠢᠶᠠᠷᠤᠯᠲᠠ ᠵᠢᠨ ᠠᠷᠭ᠎ᠠ》 ᠵᠢᠴᠢ ᠬᠢᠨᠠᠨ ᠰᠢᠯᠭ᠋ᠠᠵᠤ ᠥᠨᠡᠯᠡᠨ ᠰᠢᠯᠭ᠋ᠠᠷᠠᠭᠤᠯᠬᠤ ᠵᠢᠨ ᠬᠡᠷᠡᠭᠵᠢᠭᠦᠯᠬᠦ ᠨᠠᠷᠢᠨ ᠳᠦᠷᠢᠮ (ᠬᠣᠰᠢᠭᠤ ᠰᠢᠶᠠᠨ᠂ ᠰᠢᠶᠠᠩ ᠪᠠᠯᠭ᠋ᠠᠰᠤ 〈ᠰᠤᠮᠤ〉᠂ ᠵᠡᠭᠡᠯᠢ ᠭᠣᠳᠤᠮᠵᠢ᠂ ᠭᠠᠴᠠᠭ᠎ᠠ 〈ᠲᠣᠰᠬᠣᠨ᠂ ᠨᠡᠶ᠋ᠢᠭᠡᠮ ᠲᠣᠭᠣᠷᠢᠭ〉᠂ ᠪᠠᠶ᠋ᠢᠭᠤᠯᠭ᠎ᠠ 〈ᠠᠵᠢᠯ ᠦᠢ᠍ᠯᠡᠰ᠎ᠤᠨ ᠨᠢᠭᠡᠴᠡ ᠪᠣᠯᠣᠨ ᠠᠷᠠᠳ᠎ᠤᠨ ᠪᠦᠯᠬᠦᠮ〉᠂ ᠰᠤᠷᠭ᠋ᠠᠭᠤᠯᠢ᠂ ᠠᠵᠤ ᠠᠬᠤᠶ᠋ᠢᠯᠠᠯ᠂ ᠴᠡᠷᠢᠭ ᠠᠩᠬᠢ᠂ ᠰᠦᠮ᠎ᠡ ᠳᠤᠭ᠋ᠠᠩ ᠵᠡᠷᠭᠡ 9 ᠳᠤᠮᠤ ᠳᠦᠷᠦᠯ᠎ᠤᠨ ᠪᠣᠳᠠᠲᠠᠶ ᠭᠦᠢ᠍ᠴᠡᠳᠬᠡᠯ ᠲᠣᠭ᠋ᠠᠨ᠎ᠤ ᠰᠢᠰᠲᠸᠮᠵᠢ ᠪᠠᠭᠲᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ 《ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠤᠨ ᠵᠢᠱ᠌ᠢᠶ᠎ᠡ ᠦᠵᠡᠭᠦᠯᠬᠦ ᠵᠧᠦ (ᠲᠤᠰᠬᠠᠢ ᠣᠷᠣᠨ᠂ ᠬᠣᠲᠠ᠂ ᠠᠶ᠋ᠢᠮᠠᠭ) ᠵᠢᠨ ᠬᠠᠮᠢᠶ᠎ᠠ ᠪᠦᠬᠦᠢ ᠵᠦᠢ᠍ᠯᠡᠰ᠎ᠤᠨ ᠲᠤᠬᠠᠢ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠠᠯᠪᠠᠨ ᠲᠢᠩᠬᠢᠮ᠎ᠤᠨ ᠮᠡᠳᠡᠭᠳᠡᠯ》᠎ᠢ ᠤᠯᠠᠮᠵᠢᠯᠠᠨ ᠲᠠᠷᠬᠠᠭ᠋ᠠᠵᠤ᠂ ᠮᠠᠨ᠎ᠤ ᠣᠷᠣᠨ᠎ᠤ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠠᠶ᠋ᠢᠮᠠᠭ ᠬᠤᠲᠠ ᠵᠢᠨ ᠪᠠᠷᠢᠮᠵᠢᠶ᠎ᠠ ᠪᠣᠯᠤᠨ ᠲᠡᠰ ᠳᠠᠷᠠᠭ᠋ᠠᠯᠠᠯ᠎ᠢ ᠲᠣᠳᠣᠷᠬᠠᠢ᠌ᠯᠠᠨ᠂ ᠡᠨᠡᠬᠥ ᠠᠯᠢ ᠤᠯᠠᠨ ᠲᠦᠷᠦ ᠵᠢᠨ ᠪᠤᠳᠤᠯᠭ᠎ᠠ ᠵᠢᠨ ᠪᠢᠴᠢᠭ ᠮᠠᠲ᠋ᠧᠷᠢᠶᠠᠯ᠎ᠨᠢ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠳᠤ ᠤᠯᠤᠰ ᠲᠦᠷᠦ ᠵᠢᠨ ᠴᠢᠭᠯᠡᠯ᠎ᠢ ᠵᠢᠭ᠋ᠠᠨ ᠥᠭᠴᠦ᠂ ᠭᠣᠣᠯᠳᠠᠯᠭ᠎ᠠ᠎ᠲᠠᠢ ᠡᠭᠦᠷᠭᠡ ᠵᠢ ᠲᠣᠳᠣᠷᠬᠠᠶ᠋ᠢᠯᠠᠵᠦ᠂ ᠬᠠᠷᠠᠯᠲᠠ ᠵᠢᠨ ᠱᠠᠭ᠋ᠠᠷᠳᠠᠯᠭ᠎ᠠ ᠵᠢ ᠲᠣᠭᠲᠠᠭ᠋ᠠᠨ᠂ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠲᠠ ᠵᠢᠨ ᠠᠵᠢᠯ᠎ᠤᠨ ᠰᠢᠨᠵᠢᠯᠡᠬᠦ ᠤᠬᠠᠭ᠋ᠠᠨᠴᠢᠯᠠᠯᠲᠠ᠂ ᠳᠥᠷᠢᠮᠵᠢᠯᠡᠯᠲᠡ ᠵᠢ ᠠᠬᠢᠭᠤᠯᠪᠠ᠃
ᠬᠥᠲᠥᠯᠥᠭᠴᠢ᠄
ᠦᠨᠳᠦᠰᠦᠲᠡᠨ᠎ᠤ ᠪᠦᠯᠬᠦᠮᠳᠡᠯ ᠳᠠᠪᠰᠢᠯᠳᠠ ᠵᠢ ᠡᠭᠦᠳᠦᠨ ᠪᠠᠶ᠋ᠢᠭᠤᠯᠬᠤ ᠠᠵᠢᠯ᠎ᠤᠨ ᠳᠤᠮᠳᠠ ᠮᠠᠨ᠎ᠤ ᠭᠣᠣᠯᠳᠠᠯᠭ᠎ᠠ ᠪᠠ ᠭᠣᠣᠯ ᠴᠢᠭᠯᠡᠯ᠎ᠨᠢ ᠪᠦᠷ ᠶᠠᠭᠤ ᠶᠠᠭᠤ ᠪᠠᠶ᠋ᠢᠳᠠᠭ ᠪᠤᠢ?
ᠶᠦᠨ ᠭᠦᠸᠸ ᠱᠸᠩ᠄
ᠮᠠᠨ᠎ᠤ ᠡᠭᠦᠷᠭᠡ ᠪᠠ ᠲᠤᠰᠢᠶᠠᠯ ᠬᠠᠷᠢᠭᠤᠴᠠᠯᠭ᠎ᠠ ᠪᠣᠯ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠲᠠᠢ ᠪᠦᠯᠬᠦᠮᠳᠡᠨ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠤᠶᠤᠨ ᠤᠬᠠᠭ᠋ᠠᠨ ᠪᠠ ᠬᠦᠴᠦᠨ ᠴᠢᠳᠠᠯ᠎ᠢ ᠨᠢᠭᠲᠠᠷᠠᠭᠤᠯᠵᠤ᠂ ᠮᠠᠨ᠎ᠤ ᠠᠭᠤᠤ ᠶᠡᠬᠡ ᠡᠭᠡ ᠤᠯᠤᠰ ᠵᠶ᠋ᠠᠨ ᠬᠠᠢ᠌ᠷᠠᠯᠠᠵᠤ᠂ ᠮᠠᠨ᠎ᠤ ᠦᠵᠡᠰᠬᠦᠯᠡᠩᠲᠦ ᠰᠠᠶ᠋ᠢᠬᠠᠨ ᠨᠤᠲᠤᠭ ᠤᠰᠤ᠎ᠪᠠᠨ ᠬᠠᠶ᠋ᠢᠷᠠᠯᠠᠵᠤ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠨ ᠪᠠᠶᠠᠨ ᠴᠢᠨᠡᠭᠡᠯᠢᠭ ᠴᠡᠴᠡᠭᠯᠡᠨ ᠬᠥᠭᠵᠢᠭᠰᠡᠨ ᠥᠪᠥᠷ ᠮᠤᠩᠭᠤᠯ᠎ᠢ ᠬᠠᠮᠲᠤ᠎ᠪᠠᠷ ᠪᠠᠢ᠌ᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠵᠠ ᠵᠢᠷᠭ᠋ᠠᠯ᠎ᠢ ᠨᠡᠮᠡᠭᠳᠡᠭᠦᠯᠦᠨ᠎ᠡ᠃ ᠡᠭᠦᠨ᠎ᠳᠤ᠄ ᠣᠷᠣᠨ᠎ᠠᠴᠠ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠡ᠂ ᠠᠵᠤ ᠠᠬᠤᠶ᠋ᠢᠯᠠᠯ᠂ ᠰᠤᠮᠤ (ᠰᠢᠶᠠᠩ᠂ ᠪᠠᠯᠭ᠋ᠠᠰᠤ)᠂ ᠨᠡᠶ᠋ᠢᠭᠡᠮ ᠲᠣᠭᠣᠷᠢᠭ᠂ ᠰᠤᠷᠭ᠋ᠠᠭᠤᠯᠢ᠂ ᠴᠡᠷᠢᠭ ᠠᠩᠭᠢ᠎ᠳᠤ ᠤᠷᠤᠭᠤᠯᠬᠤ ᠵᠢᠷᠭᠤᠭ᠋ᠠᠨ ᠲᠠᠯ᠎ᠠ ᠵᠢ ᠭᠤᠤᠯᠳᠠᠯᠭ᠎ᠠ᠎ᠲᠠᠢ ᠠᠳᠬᠤᠵᠤ᠂ ᠦᠨᠳᠦᠰᠦᠲᠡᠨ᠎ᠤ ᠪᠦᠯᠬᠦᠮᠳᠡᠯ᠎ᠤᠨ 《ᠵᠢᠷᠭᠤᠭ᠋ᠠᠨ ᠣᠷᠣᠭᠤᠯᠬᠤ》 ᠠᠵᠢᠯ᠎ᠢ ᠴᠤ᠌ ᠠᠮᠵᠢᠯᠲᠠᠢ ᠬᠢᠪᠡ᠃ ᠠᠵᠢᠯ᠎ᠤᠨ ᠳᠤᠮᠳᠠ᠂ ᠪᠢᠳᠡ ᠶᠡᠷᠦᠩᠬᠡᠶ ᠱᠦᠵᠢ ᠰᠢ ᠵᠢᠨ ᠫᠢᠩ᠎ᠤᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ᠎ᠳᠤ ᠳᠤᠷᠠᠳᠤᠭᠰᠠᠨ 《ᠨᠢᠭᠡ ᠪᠦᠯᠦᠭ ᠵᠢᠱ᠌ᠢᠶ᠎ᠡ ᠦᠵᠡᠭᠦᠯᠬᠦ ᠦᠢ᠍ᠯᠡᠳᠦᠯ ᠭᠠᠷᠭ᠋ᠠᠵᠤ ᠴᠢᠳᠠᠳᠠᠭ ᠨᠡᠶ᠋ᠢᠭᠡᠮ ᠲᠣᠭᠣᠷᠢᠭ᠂ ᠬᠦᠳᠡᠭᠡ ᠲᠤᠰᠬᠤᠨ᠂ ᠨᠢᠭᠡᠴᠡ᠂ ᠰᠤᠷᠭ᠋ᠠᠭᠤᠯᠢ᠂ ᠴᠡᠷᠢᠭ ᠠᠡᠭᠬᠢ ᠵᠡᠷᠭᠡ ᠵᠢ ᠡᠭᠦᠳᠦᠨ ᠪᠠᠶ᠋ᠢᠭᠤᠯᠬᠤ》 ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠥᠪᠥᠷ ᠮᠣᠩᠭᠣᠯ᠎ᠤᠨ ᠠᠵᠢᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠡᠭᠦᠳᠦᠨ ᠪᠠᠶ᠋ᠢᠭᠤᠯᠬᠤ ᠠᠵᠢᠯᠯᠠᠭ᠎ᠠ ᠵᠢᠨ ᠭᠣᠣᠯᠳᠠᠯᠭ᠎ᠠ᠎ᠨᠢ ᠡᠩ᠎ᠤᠨ ᠴᠠᠭ᠎ᠲᠤ ᠪᠠᠢ᠌ᠬᠤ᠂ ᠭᠣᠤᠯᠳᠠᠯᠭ᠎ᠠ᠎ᠨᠢ ᠰᠠᠨᠠᠭ᠎ᠠ ᠰᠡᠳᠬᠢᠯ ᠵᠶ᠋ᠠᠨ ᠨᠡᠪᠲᠡᠷᠡᠯᠴᠡᠬᠦ᠎ᠳᠤ ᠪᠠᠢ᠌ᠬᠤ᠂ ᠭᠤᠤᠯᠳᠠᠯᠭ᠎ᠠ᠎ᠨᠢ ᠦᠢ᠍ᠯᠡ ᠠᠵᠢᠯᠯᠠᠭ᠎ᠠ᠎ᠳᠤ ᠪᠠᠢ᠌ᠬᠤ᠂ ᠭᠣᠣᠯᠳᠠᠯᠭ᠎ᠠ᠎ᠨᠢ ᠦᠨᠳᠦᠰᠦᠨ ᠱᠠᠲᠤᠨ᠎ᠳᠤ ᠪᠠᠢ᠌ᠬᠤ ᠵᠢ ᠪᠠᠷᠢᠮᠲᠠᠯᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠪᠠᠢ᠌ᠭᠤᠯᠭ᠎ᠠ᠎ᠳᠤ ᠤᠷᠤᠬᠤ᠂ ᠠᠵᠤ ᠠᠬᠤᠶ᠋ᠢᠯᠠᠯ᠎ᠳᠤ ᠤᠷᠤᠬᠤ᠂ ᠰᠤᠮᠤ (ᠰᠢᠶᠠᠩ᠂ ᠪᠠᠯᠭ᠋ᠠᠰᠤ)᠎ᠳᠤ ᠤᠷᠤᠬᠤ᠂ ᠨᠡᠶ᠋ᠢᠭᠡᠮ ᠲᠤᠭᠤᠷᠢᠭ᠎ᠲᠤ ᠤᠷᠤᠬᠤ᠂ ᠰᠤᠷᠭ᠋ᠠᠭᠤᠯᠢ᠎ᠳᠤ ᠤᠷᠤᠬᠤ᠂ ᠴᠡᠷᠢᠭ ᠠᠨᠭ᠌ᠬᠢ᠎ᠳᠤ ᠤᠷᠤᠬᠤ᠂ ᠰᠦᠮ᠎ᠡ ᠬᠡᠢ᠌ᠳ᠎ᠲᠤ ᠤᠷᠤᠬᠤ ᠠᠵᠢᠯᠯᠠᠭ᠎ᠠ ᠵᠢ ᠭᠦᠨᠵᠡᠭᠡᠢ ᠦᠷᠨᠢᠭᠦᠯᠪᠡ᠃ ᠦᠨᠳᠦᠰᠦᠲᠡᠨ᠎ᠤ ᠪᠦᠯᠬᠦᠮᠳᠡᠯ ᠲᠠᠪᠰᠢᠯᠲᠠ ᠵᠢ ᠡᠭᠦᠳᠦᠨ ᠪᠠᠶ᠋ᠢᠭᠤᠯᠬᠤ ᠵᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠵᠢᠨ ᠪᠣᠳᠠᠲᠠᠶ ᠠᠵᠢᠯ᠎ᠤᠨ ᠳᠤᠮᠳᠠ ᠠᠭᠤᠰᠬᠠᠨ ᠣᠷᠣᠭᠤᠯᠵᠤ᠂ ᠡᠭᠦᠳᠦᠨ ᠪᠠᠶ᠋ᠢᠭᠤᠯᠬᠤ ᠠᠵᠢᠯᠯᠠᠭ᠎ᠠ ᠵᠢᠨ ᠬᠦᠮᠦᠨᠴᠢᠯᠡᠯᠲᠡ᠂ ᠪᠣᠳᠠᠲᠤ ᠴᠤᠭᠴᠠᠴᠢᠯᠠᠯᠲᠠ᠂ ᠤᠯᠠᠨ ᠲᠦᠮᠡᠨᠴᠢᠯᠡᠯᠲᠡ ᠵᠢ ᠠᠬᠢᠭᠤᠯᠤᠨ᠂ ᠠᠵᠤ ᠠᠬᠤᠶ ᠨᠡᠶ᠋ᠢᠭᠡᠮ᠎ᠤᠨ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠬᠥᠭᠵᠢᠯᠲᠡ ᠵᠢ ᠠᠬᠢᠭᠤᠯᠤᠭᠰᠠᠨ ᠪᠠᠶ᠋ᠢᠨ᠎ᠠ᠃
ᠬᠥᠲᠥᠯᠥᠭᠴᠢ᠄
ᠤᠢ᠌ᠷ᠎ᠠ ᠵᠢᠨ ᠵᠢᠯ᠎ᠤᠳ᠎ᠲᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ ᠨᠢᠭᠡ ᠪᠦᠯᠦᠭ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠨᠢᠭᠡᠴᠡ ᠪᠣᠯᠤᠨ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠢ ᠰᠢᠯᠭ᠋ᠠᠷᠠᠭᠤᠯᠤᠨ ᠨᠡᠷᠡᠢ᠌ᠳᠦᠪᠡ᠂ ᠲᠠ ᠡᠨᠡ ᠲᠠᠯ᠎ᠠ ᠵᠢᠨ ᠪᠠᠶ᠋ᠢᠳᠠᠯ᠎ᠢ ᠲᠤᠪᠴᠢ ᠲᠠᠨᠢᠯᠴᠠᠭᠤᠯᠵᠤ ᠥᠭᠭᠦᠨ᠎ᠡ ᠤᠤ?
ᠶᠦᠨ ᠭᠦᠸᠸ ᠱᠸᠩ᠄
ᠣᠶ᠋ᠢᠷ᠎ᠠ ᠵᠢᠨ ᠵᠢᠯ᠎ᠤᠨ ᠲᠤᠷᠰᠢ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ ᠪᠦᠯᠬᠦᠮᠳᠡᠨ ᠡᠷᠡᠯᠬᠡᠭᠯᠡᠨ ᠤᠷᠤᠭᠰᠢᠯᠠᠵᠤ᠂ ᠰᠠᠬᠢᠨ ᠪᠠᠷᠠᠯᠠᠵᠤ ᠬᠠᠷᠢᠯᠴᠠᠨ ᠬᠠᠷᠠᠵᠤ ᠬᠠᠪᠰᠤᠷᠤᠯᠴᠠᠬᠤ᠂ ᠡᠭᠦᠨ᠎ᠳᠤ ᠮᠠᠰᠢ ᠤᠯᠠᠨ ᠲᠡᠷᠢᠭᠦᠨ᠎ᠤ ᠦᠢ᠍ᠯᠡ ᠠᠵᠢᠯᠯᠠᠭ᠎ᠠ ᠪᠠ ᠵᠢᠱ᠌ᠢᠶᠡᠴᠢ ᠬᠥᠮᠦᠰ ᠴᠣᠯᠭᠣᠷᠠᠨ ᠭᠠᠷᠴᠤ᠂ ᠨᠡᠶ᠋ᠢᠭᠡᠮ ᠨᠡᠶ᠋ᠢᠲᠡ ᠵᠢᠨ ᠥᠷᠭᠡᠨ ᠳᠡᠯᠭᠡᠷ ᠮᠡᠭ᠍ᠲᠠᠭ᠋ᠠᠯ ᠰᠠᠢ᠌ᠰᠢᠶᠠᠯ᠎ᠢ ᠤᠯᠪᠠ᠃ ᠲᠡᠳᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠵᠠᠩ ᠰᠤᠷᠲᠠᠯ ᠪᠠ ᠦᠢ᠍ᠯᠡ ᠶᠠᠪᠤᠳᠠᠯ᠎ᠢ ᠤᠬᠠᠭᠤᠯᠤᠨ ᠪᠠᠳᠠᠷᠠᠭᠤᠯᠬᠤ ᠵᠢᠨ ᠲᠦᠯᠦᠭᠡ᠂ ᠪᠢᠳᠡ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠯᠢᠭᠡᠷ ᠳᠠᠭᠤᠷᠢᠶᠠᠯᠲᠤ ᠨᠡᠶ᠋ᠢᠲᠡᠯᠢᠭ ᠵᠢᠱ᠌ᠢᠶ᠎ᠡ ᠰᠤᠩᠭᠤᠬᠤ ᠠᠵᠢᠯ᠎ᠢ ᠦᠷᠨᠢᠭᠦᠯᠪᠡ᠃ ᠡᠭᠦᠨ᠎ᠳᠤ᠂ ᠠᠶ᠋ᠢᠮᠠᠭ ᠬᠣᠲᠠ᠂ ᠬᠣᠰᠢᠭᠤ ᠰᠢᠶᠠᠨ (ᠲᠣᠭᠣᠷᠢᠭ)᠂ ᠰᠤᠮᠤ (ᠰᠢᠶᠠᠩ᠂ ᠪᠠᠯᠭ᠋ᠠᠰᠤ)᠂ ᠭᠠᠴᠠᠭ᠎ᠠ (ᠲᠣᠰᠬᠣᠨ)᠂ ᠨᠡᠶ᠋ᠢᠭᠡᠮ ᠲᠣᠭᠣᠷᠢᠭ᠂ ᠠᠯᠪᠠᠨ ᠪᠠᠢ᠌ᠭᠤᠯᠭ᠎ᠠ᠂ ᠠᠵᠤ ᠠᠬᠤᠶ᠋ᠢᠯᠠᠯ᠂ ᠰᠤᠷᠭ᠋ᠠᠭᠤᠯᠢ᠂ ᠴᠠᠭᠳᠠᠭ᠎ᠠ ᠴᠡᠷᠢᠭ ᠠᠩᠭᠢ᠂ ᠰᠦᠮ᠎ᠡ ᠬᠡᠶ᠋ᠢᠳ ᠵᠡᠷᠭᠡ ᠵᠢᠨ ᠦᠯᠢᠭᠡᠷ ᠳᠠᠭᠤᠷᠢᠶᠠᠯᠲᠤ ᠨᠡᠢ᠌ᠲᠡᠯᠢᠭ ᠵᠢᠱ᠌ᠢᠶ᠎ᠡ ᠵᠢ ᠰᠤᠩᠭᠤᠵᠤ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠠᠶ᠋ᠢᠮᠠᠭ (ᠬᠢᠩᠭ᠋ᠠᠨ) ᠪᠠ ᠬᠣᠰᠢᠭᠤ ᠰᠢᠶᠠᠨ᠎ᠤ ᠱᠠᠲᠤᠨ᠎ᠠᠴᠠ ᠳᠣᠷᠣᠭᠰᠢᠬᠢ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠶ᠋ᠢᠭᠤᠯᠬᠤ ᠠᠵᠢᠯᠯᠠᠭ᠎ᠠ ᠵᠢᠨ ᠵᠢᠱ᠌ᠢᠶ᠎ᠡ ᠦᠵᠡᠭᠦᠯᠬᠦ ᠨᠢᠭᠡᠴᠡ ᠵᠢ ᠪᠠᠢ᠌ᠭᠤᠯᠵᠤ᠂ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢᠨ ᠵᠢᠱ᠌ᠢᠶ᠎ᠡ ᠦᠵᠡᠭᠦᠯᠬᠦ ᠨᠢᠭᠡᠴᠡ ᠵᠢ 129 ᠨᠡᠷᠡᠶ᠋ᠢᠳᠦᠭᠰᠡᠨ ᠪᠠᠶ᠋ᠢᠨ᠎ᠠ᠃ 7 ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ᠂ 9 ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ᠎ᠢ ᠪᠠᠢ᠌ᠭᠤᠯᠪᠠ᠃ ᠪᠦᠬᠦ ᠣᠷᠣᠨ᠎ᠳᠤ ᠬᠣᠰᠢᠭᠤ ᠰᠢᠶᠠᠨ᠂ ᠠᠶ᠋ᠢᠮᠠᠭ ᠬᠤᠳᠠ᠂ ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭ᠋ᠠᠷ ᠳᠡᠰ᠎ᠤᠨ ᠵᠢᠱ᠌ᠢᠶ᠎ᠡ ᠦᠵᠡᠭᠦᠯᠬᠦ ᠨᠢᠭᠡᠴᠡ ᠵᠢ ᠱᠠᠲᠤ ᠱᠠᠲᠤ᠎ᠪᠠᠷ ᠨᠡᠷᠡᠢ᠌ᠳᠦᠵᠦ ᠡᠭᠦᠳᠦᠨ ᠪᠠᠢ᠌ᠭᠤᠯᠬᠤ ᠠᠵᠢᠯ᠎ᠤᠨ ᠲᠣᠭᠲᠠᠴᠠ ᠠᠯᠬᠤᠮ ᠠᠯᠬᠤᠮ ᠵᠶ᠋ᠠᠷ ᠪᠤᠢ ᠪᠤᠯᠭ᠋ᠠᠪᠠ᠃ ᠵᠠᠷᠢᠮ ᠰᠤᠮᠤ (ᠰᠢᠶᠠᠩ᠂ ᠪᠠᠯᠭ᠋ᠠᠰᠤ)᠂ ᠨᠡᠶ᠋ᠢᠭᠡᠮ ᠲᠣᠭᠣᠷᠢᠭ᠂ ᠰᠤᠷᠭ᠋ᠠᠭᠤᠯᠢ ᠵᠡᠷᠭᠡ ᠴᠦ᠍ ᠳᠤᠰ ᠳᠤᠰ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠭᠠᠴᠠᠭ᠎ᠠ (ᠲᠣᠰᠬᠣᠨ᠂ ᠳᠤᠭᠤᠶ᠋ᠢᠯᠠᠩ) ᠦᠨᠳᠦᠰᠦᠲᠡᠨ᠎ᠤ ᠪᠦᠯᠬᠦᠮᠳᠡᠯ᠎ᠤᠨ ᠰᠠᠢ᠌ᠨ ᠬᠥᠷᠰᠢ ᠵᠡᠷᠭᠡᠯᠡᠳᠡᠭᠡ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠩᠭᠢ᠂ ᠦᠨᠳᠦᠰᠦᠲᠡᠨ᠎ᠤ ᠪᠦᠯᠬᠦᠮᠳᠡᠯ᠎ᠤᠨ ᠰᠠᠢ᠌ᠨ ᠪᠠᠭ᠋ᠠᠴᠤᠳ ᠵᠡᠷᠭᠡ ᠡᠭᠦᠳᠦᠨ ᠪᠠᠢ᠌ᠭᠤᠯᠵᠤ ᠨᠡᠷᠡᠢ᠌ᠳᠦᠬᠦ ᠠᠵᠢᠯᠯᠠᠭ᠎ᠠ ᠵᠢ ᠦᠷᠨᠢᠭᠦᠯᠵᠦ᠂ ᠨᠡᠢ᠌ᠲᠡᠯᠢᠭ ᠵᠢᠱ᠌ᠢᠶ᠎ᠡ ᠪᠤᠯᠭ᠋ᠠᠬᠤ᠂ ᠲᠡᠷᠢᠭᠦᠨ᠎ᠤ᠎ᠬᠢ᠎ᠠᠴᠠ ᠰᠤᠷᠤᠯᠴᠠᠬᠤ᠂ ᠪᠦᠯᠬᠦᠮᠳᠡᠯ᠎ᠢ ᠠᠬᠢᠭᠤᠯᠬᠤ ᠰᠠᠢ᠌ᠨ ᠰᠠᠢ᠌ᠬᠠᠨ ᠣᠷᠴᠢᠨ ᠲᠤᠭᠤᠷᠢᠨ᠎ᠢ ᠲᠦᠭᠡᠮᠡᠯ ᠪᠤᠯᠭ᠋ᠠᠪᠠ᠃
ᠬᠥᠲᠥᠯᠥᠭᠴᠢ᠄
ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠭᠰᠡᠨ ᠶᠡᠬᠡ ᠰᠠᠶ᠋ᠢᠨ ᠪᠠᠶ᠋ᠢᠳᠠᠯ᠎ᠢ ᠬᠠᠮᠠᠭ᠋ᠠᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ ᠨᠡᠪᠲᠡᠷᠡᠯᠴᠡᠨ ᠵᠣᠬᠢᠴᠠᠭᠤᠯᠬᠤ ᠠᠵᠢᠯ᠎ᠢ ᠣᠯᠠᠨ ᠬᠢᠪᠡ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ ᠲᠠᠯ᠎ᠠ᠎ᠪᠠᠷ᠎ᠬᠢ ᠭᠣᠣᠯ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠵᠢ ᠲᠠ ᠲᠠᠨᠢᠯᠴᠠᠭᠤᠯᠤᠭ᠋ᠠᠳ ᠥᠭᠬᠦ ᠪᠣᠯᠪᠠᠤ?
ᠶᠦᠨ ᠭᠦᠸᠸ ᠱᠸᠩ᠄
ᠦᠨᠳᠦᠰᠦᠲᠡᠨ᠎ᠤ ᠪᠦᠯᠬᠦᠮᠳᠡᠯ ᠪᠣᠯ ᠪᠦᠬᠦ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠴᠢᠬᠤᠯᠠ ᠰᠠᠭᠤᠷᠢ ᠪᠠ ᠪᠠᠲᠤᠯᠠᠭ᠎ᠠ ᠮᠥᠨ᠂ ᠡᠭᠦᠨ᠎ᠤ ᠬᠠᠮᠲᠤ ᠪᠠᠰᠠ ᠨᠡᠩ ᠰᠠᠢ᠍ᠢ᠍ᠨ ᠬᠥᠭᠵᠢᠯᠲᠡ ᠵᠢ ᠪᠡᠶᠡᠯᠡᠭᠦᠯᠬᠦ ᠵᠢᠨ ᠲᠥᠯᠥᠭᠡ ᠶᠤᠮ᠃ ᠮᠠᠨ᠎ᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠡᠨᠡ ᠬᠦ᠌ ᠭᠣᠣᠯᠳᠠᠯᠭ᠎ᠠ ᠵᠢᠨ ᠲᠣᠭᠣᠷᠢᠨ᠎ᠳᠤ ᠨᠢᠭᠲᠠ ᠤᠶᠠᠯᠳᠤᠭᠤᠯᠤᠨ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ ᠬᠠᠷᠠᠯᠲᠠ ᠵᠢ ᠪᠠᠲᠤ ᠠᠳᠬᠤᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ᠎ᠪᠠᠷ ᠡᠭᠦᠳᠦᠨ ᠪᠠᠶ᠋ᠢᠭᠤᠯᠬᠤ ᠠᠵᠢᠯ᠎ᠤᠨ ᠡᠬᠢᠯᠡᠯᠲᠡ ᠪᠠ ᠲᠡᠭᠦᠰᠦᠯᠲᠡ ᠪᠣᠯᠭ᠋ᠠᠬᠤ ᠵᠢ ᠪᠠᠷᠢᠮᠲᠠᠯᠠᠵᠤ᠂ ᠵᠥᠷᠢᠶᠡᠴᠢᠯᠠᠭ᠌ᠰᠡᠨ ᠳᠡᠮᠵᠢᠯᠭᠡ ᠵᠢᠨ ᠳᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠪᠣᠳᠠᠰ᠎ᠤᠨ ᠰᠠᠭᠤᠷᠢ ᠵᠢ ᠲᠠᠰᠤᠷᠠᠯᠲᠠ ᠦᠭᠡᠢ ᠪᠡᠬᠢᠵᠢᠭᠦᠯᠪᠡ᠃ ᠵᠢᠱ᠌ᠢᠶᠡᠯᠡᠪᠡᠯ᠂ 2016 ᠣᠨ᠎ᠳᠤ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠣᠷᠣᠯᠭ᠎ᠠ ᠵᠢᠨ ᠨᠡᠮᠡᠭᠳᠡᠯ ᠠᠯᠭᠤᠷᠯᠠᠭᠰᠠᠨ ᠪᠠᠶ᠋ᠢᠳᠠᠯ᠎ᠤᠨ ᠳᠣᠣᠷ᠎ᠠ᠂ ᠠᠷᠭ᠎ᠠ ᠪᠦᠬᠦᠨ᠎ᠢ ᠰᠦᠪᠡᠭᠴᠢᠯᠡᠨ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠣᠷᠣᠭᠤᠯᠤᠯᠲᠠ ᠵᠢ ᠨᠡᠮᠡᠭᠳᠡᠭᠦᠯᠵᠦ᠂ ᠡᠯ᠎ᠡ ᠱᠠᠲᠤᠨ᠎ᠤ ᠡᠳ᠋᠎ᠤᠨ ᠵᠠᠰᠠᠭ᠎ᠤᠨ ᠠᠷᠠᠳ᠎ᠤᠨ ᠠᠮᠢᠳᠤᠷᠠᠯ᠎ᠤᠨ ᠵᠠᠷᠤᠯᠭ᠎ᠠ 2979 ᠳ᠋ᠦᠩᠰᠢᠭᠤᠷ ᠲᠥᠭᠥᠷᠢᠭ ᠪᠠᠢ᠌ᠵᠤ᠂ ᠡ᠊ᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠵᠠᠷᠤᠯᠭ᠎ᠠ ᠵᠢᠨ 65.8% ᠵᠢ ᠡᠵᠡᠯᠡᠪᠡ᠃ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢ ᠪᠦᠬᠦ ᠬᠦᠴᠦ᠎ᠪᠠᠷ ᠵᠶ᠋ᠠᠨ ᠠᠬᠢᠭᠤᠯᠵᠤ᠂ ᠪᠦᠬᠦ ᠨᠡᠶ᠋ᠢᠭᠡᠮ ᠵᠶ᠋ᠠᠷ ᠵᠶ᠋ᠠᠨ ᠶᠠᠳᠠᠭᠤ ᠵᠢ ᠲᠡᠳᠬᠦᠬᠦ᠎ᠳᠤ ᠣᠷᠣᠭᠤᠯᠤᠭᠰᠠᠨ ᠪᠡᠯᠡ ᠮᠥᠩᠭᠥ 400 ᠭᠠᠷᠤᠶ ᠳ᠋ᠦᠩᠰᠢᠭᠤᠷ ᠲᠥᠭᠥᠷᠢᠭ ᠪᠠᠢ᠌ᠵᠤ᠂ ᠵᠢᠱ᠌ᠢᠯᠲᠡ᠎ᠪᠠᠷ 21 ᠲᠦᠮᠨ᠎ᠠᠴᠠ ᠳᠡᠭᠡᠭᠰᠢ ᠶᠠᠳᠠᠭᠤ ᠬᠦᠴᠢᠷᠳᠡᠯ᠎ᠲᠠᠢ ᠬᠥᠮᠦᠨ ᠠᠮᠠ ᠵᠢ ᠲᠣᠭᠲᠠᠭᠤᠨ ᠵᠶ᠋ᠠᠷ ᠶᠠᠳᠠᠭᠤ᠎ᠠᠴᠠ ᠠᠩᠭᠢᠵᠢᠷᠠᠭᠤᠯᠵᠤ᠂ ᠣᠷᠣᠨ᠎ᠤ ᠳᠡᠰ᠎ᠤᠨ ᠶᠠᠳᠠᠭᠤ ᠬᠦᠴᠢᠷᠳᠡᠯᠲᠡᠶ 12 ᠬᠣᠰᠢᠭᠤ ᠰᠢᠶᠠᠨ᠎ᠢ ᠶᠠᠳᠠᠭᠤ᠎ᠠᠴᠠ᠎ᠨᠢ ᠠᠩᠭᠢᠵᠢᠷᠠᠭᠤᠯᠪᠠ᠃ ᠥᠪᠡᠷᠲᠡᠭᠡᠨ ᠵᠠᠰᠠᠬᠤ ᠣᠷᠣᠨ 《ᠠᠳᠠᠯ ᠦᠢ᠍ᠯᠡᠰ ᠴᠣᠭᠴᠠᠯᠠᠬᠤ ᠥᠪᠥᠷ ᠮᠣᠩᠭᠣᠯ》 ᠠᠵᠢᠯᠯᠠᠭ᠋ᠠᠨ᠎ᠤ ᠲᠥᠯᠥᠪᠯᠡᠭᠡ ᠵᠢ ᠡᠬᠢᠯᠡᠭᠦᠯᠵᠦ᠂ ᠬᠤᠳᠠ ᠪᠠᠯᠭ᠋ᠠᠰᠤᠨ᠎ᠤ 26.8 ᠲᠦᠮᠡᠨ ᠬᠥᠮᠦᠨ᠎ᠳᠤ ᠰᠢᠨ᠎ᠡ᠎ᠪᠠᠷ ᠠᠵᠢᠯ ᠣᠯᠭᠣᠵᠤ᠂ 257 ᠲᠦᠮᠡᠨ ᠮᠠᠯᠴᠢᠨ ᠲᠠᠷᠢᠶᠠᠴᠢᠳ᠎ᠢ ᠰᠢᠯᠢᠵᠢᠭᠥᠯᠥᠨ ᠠᠵᠢᠯ ᠣᠯᠭᠤᠪᠠ᠃ ᠪᠠᠰᠠ ᠵᠢᠱ᠌ᠢᠶᠡᠯᠡᠪᠡᠯ᠂ ᠮᠣᠩᠭᠣᠯ ᠬᠡᠯᠡ᠎ᠪᠠᠷ ᠰᠣᠷᠣᠭᠰᠠᠨ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠭᠣᠯᠲᠠ ᠵᠢ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠯᠪᠠᠳᠠᠨ ᠰᠢᠯᠭ᠋ᠠᠵᠤ ᠡᠯᠰᠡᠬᠦ᠂ ᠠᠵᠢᠯ ᠦᠢ᠍ᠯᠡᠰ᠎ᠤᠨ ᠨᠢᠭᠡᠴᠡ ᠵᠢᠨ ᠢᠯᠡ᠎ᠪᠠᠷ ᠠᠵᠢᠯᠲᠠᠨ ᠡᠯᠰᠡᠬᠦ᠎ᠳᠤ᠂ ᠡᠯᠰᠡᠬᠦ ᠲᠥᠯᠥᠪᠯᠡᠭᠡ ᠵᠢᠨ ᠳᠣᠲᠣᠷ᠎ᠠ᠎ᠠᠴᠠ 15% ᠵᠢᠨ ᠲᠤᠰᠢᠶᠠᠯ᠎ᠤᠨ ᠪᠠᠶ᠋ᠢᠷᠢ (ᠠᠵᠢᠯ᠎ᠤᠨ ᠪᠠᠶ᠋ᠢᠷᠢ) ᠭᠠᠷᠭ᠋ᠠᠵᠤ᠂ ᠮᠣᠩᠭᠣᠯ ᠬᠡᠯᠡ᠎ᠪᠠᠷ ᠰᠣᠷᠣᠭᠰᠠᠨ ᠰᠤᠷᠭ᠋ᠠᠭᠤᠯᠢ ᠲᠡᠭᠦᠰᠦᠭᠰᠡᠳ᠎ᠢ ᠬᠠᠨᠳᠤᠯᠭ᠎ᠠ᠎ᠲᠠᠢ᠎ᠪᠠᠷ ᠡᠯᠰᠡᠨ ᠬᠡᠷᠡᠭᠯᠡᠬᠦ ᠵᠡᠷᠭᠡ ᠪᠣᠯᠤᠨ᠎ᠠ᠃ ᠠᠯᠢ ᠤᠯᠠᠨ ᠵᠥᠷᠢᠶᠡᠴᠢᠯᠠᠭ᠌ᠰᠡᠨ ᠲᠦᠷᠦ ᠵᠢᠨ ᠪᠤᠳᠤᠯᠭ᠎ᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ᠎ᠨᠢ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠪᠦᠯᠬᠦᠮᠳᠡᠯ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠳᠠᠪᠰᠢᠬᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠦᠲᠦᠭᠡᠬᠦ᠎ᠳᠤ ᠪᠣᠳᠠᠰ᠎ᠤᠨ ᠰᠠᠭᠤᠷᠢ ᠵᠢ ᠲᠠᠯᠪᠢᠵᠤ᠂ ᠮᠥᠨ ᠴᠦ᠍ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠮᠢᠳᠤᠷᠠᠯ᠎ᠢ ᠶᠡᠬᠡ᠎ᠪᠠᠷ ᠰᠠᠢ᠌ᠵᠢᠷᠠᠭᠤᠯᠤᠭᠰᠠᠨ ᠪᠠᠶ᠋ᠢᠨ᠎ᠠ᠃
ᠬᠥᠲᠥᠯᠥᠭᠴᠢ᠄
ᠲᠠᠨ᠎ᠤ ᠲᠠᠨᠢᠯᠴᠠᠭᠤᠯᠭ᠎ᠠ᠎ᠠᠴᠠ᠂ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠤᠨ ᠰᠢᠰᠲᠸᠮᠵᠢ ᠪᠦᠷᠢᠨ ᠲᠡᠭᠦᠯᠳᠡᠷ᠂ ᠦᠷ᠎ᠡ ᠪᠦᠲᠦᠮᠵᠢ᠎ᠪᠠᠷ ᠲᠣᠪᠣᠢ᠌ᠮ᠎ᠠ ᠪᠠᠢ᠌ᠵᠤ᠂ ᠡᠯ᠎ᠡ ᠦᠨᠳᠦᠰᠦᠲᠡᠨ᠎ᠤ ᠠᠷᠠᠳ᠎ᠤᠨ ᠠᠮᠢᠳᠤᠷᠠᠯ᠎ᠤᠨ ᠰᠠᠶ᠋ᠢᠵᠢᠷᠠᠯᠲᠠ ᠵᠢ ᠠᠬᠢᠭᠤᠯᠵᠤ᠂ ᠪᠥᠬᠥ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠭᠡᠵᠦ ᠬᠡᠯᠡᠵᠦ ᠪᠣᠯᠣᠨ᠎ᠠ᠂ ᠲᠡᠭᠡᠪᠡᠯ ᠲᠠᠨ᠎ᠤ ᠦᠵᠡᠬᠦ᠎ᠪᠠᠷ ᠮᠠᠨ᠎ᠤ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠨᠢ ᠡᠶ᠋ᠢᠮᠦ ᠠᠮᠵᠢᠯᠲᠠ ᠪᠦᠲᠦᠮᠵᠢ ᠵᠢ ᠣᠯᠵᠤ ᠴᠢᠳᠠᠭᠰᠠᠨ᠎ᠤ ᠭᠣᠣᠯ ᠰᠢᠯᠲᠠᠭ᠋ᠠᠨ᠎ᠨᠢ ᠶᠠᠭᠤ ᠪᠤᠢ?
ᠶᠦᠨ ᠭᠦᠸᠸ ᠱᠸᠩ᠄
ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠲᠠ ᠵᠢᠨ ᠠᠵᠢᠯ ᠤᠷᠲᠤ ᠬᠤᠭᠤᠴᠠᠭ᠋ᠠᠨ᠎ᠤ ᠲᠤᠷᠰᠢ ᠰᠠᠶ᠋ᠢᠨ ᠠᠮᠵᠢᠯᠲᠠ ᠪᠦᠲᠦᠮᠵᠢ ᠣᠯᠤᠭᠰᠠᠨ ᠵᠶ᠋ᠡᠷ ᠡᠯ᠎ᠡ ᠲᠠᠯ᠎ᠠ ᠵᠢᠨ᠎ᠬᠢᠨ᠎ᠤ ᠮᠠᠭᠲᠠᠭ᠋ᠠᠯ ᠪᠠ ᠰᠠᠶ᠋ᠢᠰᠢᠶᠠᠯ᠎ᠢ ᠣᠯᠵᠠᠶ᠂ ᠡᠭᠦᠨ᠎ᠳᠤ ᠬᠠᠮᠤᠭ᠎ᠤᠨ ᠵᠠᠩᠭᠢᠯᠠᠭ᠎ᠠ ᠵᠢᠨ ᠴᠢᠨᠠᠷᠲᠠᠶ ᠨᠢᠭᠡ ᠵᠦᠢ᠍ᠯ ᠪᠣᠯ ᠳᠠᠷᠤᠶ ᠨᠠᠮ᠎ᠤᠨ ᠵᠥᠪ ᠣᠨᠣᠪᠴᠢᠲᠠᠶ ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭᠰᠠᠨ ᠪᠠ ᠬᠦᠴᠦᠲᠡᠶ ᠳᠡᠮᠵᠢᠭᠰᠡᠨ᠎ᠳᠤ ᠪᠤᠢ᠃ ᠡᠳᠦᠭᠡ᠂ ᠪᠦᠬᠦ ᠣᠷᠣᠨ᠎ᠤ ᠡᠯ᠎ᠡ ᠱᠠᠲᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠦᠨᠳᠦᠰᠦᠲᠡᠨ᠎ᠤ ᠪᠦᠯᠬᠦᠮᠳᠡᠯ ᠲᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠬᠦᠨᠳᠦᠳᠬᠡᠨ ᠦᠵᠡᠵᠦ᠂ ᠡᠭᠦᠨ᠎ᠢ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠦᠨᠳᠦᠰᠦᠲᠡᠨ᠎ᠤ ᠪᠦᠯᠬᠦᠮᠳᠡᠯ᠎ᠢ ᠴᠢᠩᠭ᠋ᠠᠳᠬᠠᠬᠤ ᠠᠵᠢᠯ᠎ᠤᠨ ᠴᠢᠬᠤᠯᠠ ᠠᠭᠤᠯᠭ᠎ᠠ᠎ᠳᠤ ᠣᠷᠣᠭᠤᠯᠵᠤ᠂ ᠡᠭᠦᠳᠦᠨ ᠪᠠᠶ᠋ᠢᠭᠤᠯᠬᠤ ᠠᠵᠢᠯ᠎ᠢ ᠲᠦᠯᠬᠢᠨ ᠠᠬᠢᠭᠤᠯᠬᠤ ᠤᠳᠤᠷᠢᠳᠬᠤ ᠪᠠᠶ᠋ᠢᠭᠤᠯᠤᠯ ᠪᠠ ᠠᠵᠢᠯ᠎ᠤᠨ ᠲᠣᠭᠲᠠᠴᠠ ᠵᠢ ᠪᠠᠶ᠋ᠢᠭᠤᠯᠪᠠ᠃ ᠮᠠᠨ᠎ᠤ ᠣᠷᠣᠨ᠎ᠳᠤ ᠨᠢᠭᠡᠨᠲᠡ 5 ᠠᠶ᠋ᠢᠮᠠᠭ ᠬᠣᠲᠠ᠎ᠨᠢ ᠠᠶ᠋ᠢᠮᠠᠭ ᠬᠣᠲᠠ ᠵᠢᠨ ᠨᠠᠮ᠎ᠤᠨ ᠬᠣᠷᠢᠶ᠎ᠠ ᠵᠢᠨ ᠱᠦᠵᠢ ᠪᠤᠶᠤ ᠠᠶ᠋ᠢᠮᠠᠭ ᠬᠤᠳᠠ ᠵᠢᠨ ᠳᠠᠷᠤᠭ᠎ᠠ᠎ᠪᠠᠷ ᠡᠭᠦᠳᠦᠨ ᠪᠠᠶ᠋ᠢᠭᠤᠯᠬᠤ ᠠᠵᠢᠯ᠎ᠤᠨ ᠳᠤᠭᠤᠶ᠋ᠢᠯᠠᠩ᠎ᠤᠨ ᠳᠠᠷᠤᠭ᠎ᠠ ᠵᠢᠨ ᠲᠤᠰᠢᠶᠠᠯ ᠡᠭᠦᠷᠭᠡᠯᠡᠭᠦᠯᠦᠭᠰᠡᠨ ᠡᠭᠦᠳᠦᠨ ᠪᠠᠶ᠋ᠢᠭᠤᠯᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠢ᠌ᠭᠤᠯᠬᠤ ᠵᠢᠨ ᠬᠠᠮᠲᠤ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠬᠣᠲᠠ ᠵᠢ ᠡᠭᠦᠳᠦᠨ ᠪᠠᠶ᠋ᠢᠭᠤᠯᠬᠤ ᠬᠠᠷᠠᠯᠲᠠ ᠵᠢ ᠳᠤᠷᠠᠳᠴᠤ᠂ ᠪᠠᠰᠠ ᠨᠢᠭᠡ ᠪᠦᠯᠦᠭ ᠬᠣᠰᠢᠭᠤ ᠰᠢᠶᠠᠨ (ᠬᠤᠳᠠ᠂ ᠲᠣᠭᠣᠷᠢᠭ)᠎ᠠᠴᠠ ᠳᠣᠣᠷᠠᠬᠢ ᠨᠢᠭᠡᠴᠡ ᠪᠦᠬᠦ ᠤᠯᠤᠰ᠂ ᠪᠦᠬᠦ ᠣᠷᠣᠨ᠎ᠤ ᠵᠢᠱ᠌ᠢᠶ᠎ᠡ ᠦᠵᠡᠭᠦᠯᠬᠦ ᠣᠷᠣᠨ (ᠨᠢᠭᠡᠴᠡ)᠎ᠢ ᠡᠭᠦᠳᠦᠨ ᠪᠠᠶ᠋ᠢᠭᠤᠯᠬᠤ ᠬᠠᠷᠠᠯᠲᠠ ᠵᠢ ᠳᠤᠷᠠᠳᠪᠠ᠃ ᠪᠦᠬᠦ ᠣᠷᠣᠨ᠎ᠤ ᠡᠯ᠎ᠡ ᠭᠠᠵᠠᠷ ᠦᠨᠳᠦᠰᠦᠲᠡᠨ᠎ᠤ ᠪᠦᠯᠬᠦᠮᠳᠡᠯ ᠲᠠᠪᠰᠢᠯᠳᠡ ᠵᠢᠨ ᠤᠬᠠᠭᠤᠯᠭ᠎ᠠ ᠬᠥᠮᠦᠵᠢᠯ ᠪᠣᠯᠤᠨ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠪᠦᠬᠦ ᠤᠯᠤᠰ᠂ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ (ᠨᠢᠭᠡᠴᠡ)᠎ᠢ ᠴᠢᠷᠮᠠᠢ᠌ᠨ ᠪᠠᠢ᠌ᠭᠤᠯᠬᠤ ᠥᠳᠬᠡᠨ ᠵᠤᠵᠠᠭ᠋ᠠᠨ ᠠᠭᠤᠷ ᠠᠮᠢᠰᠬᠤᠯ᠎ᠢ ᠪᠤᠢ ᠪᠣᠯᠭ᠋ᠠᠪᠠ᠃
ᠶᠦᠨ ᠬᠦᠸᠸ ᠱᠸᠨᠭ᠄
6 ᠳ᠋ᠤᠭ᠋ᠠᠷ ᠰᠠᠷ᠎ᠠ᠎ᠳᠤ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠲᠤᠷᠰᠢᠯᠭ᠎ᠠ ᠰᠣᠯᠢᠯᠴᠠᠬᠤ ᠲᠤᠬᠠᠶ ᠵᠢᠨ ᠲᠠᠯᠠᠪᠤᠷ᠎ᠤᠨ ᠬᠤᠷᠠᠯ ᠮᠠᠨ᠎ᠤ ᠣᠷᠣᠨ᠎ᠤ ᠬᠢᠩᠭ᠋ᠠᠨ ᠠᠶ᠋ᠢᠮᠠᠭ᠎ᠲᠤ ᠠᠮᠵᠢᠯᠲᠠ᠎ᠲᠠᠢ ᠬᠤᠷᠠᠯᠳᠤᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠤᠨ ᠲᠤᠬᠠᠶ ᠠᠯᠢ ᠤᠯᠠᠨ ᠰᠢᠨ᠎ᠡ ᠪᠠᠶ᠋ᠢᠷᠢᠯᠠᠭᠤᠯᠤᠯᠲᠠ ᠪᠤᠯᠤᠨ ᠱᠠᠭ᠋ᠠᠷᠳᠠᠯᠭ᠎ᠠ ᠵᠢ ᠳᠤᠷᠠᠳᠤᠭᠰᠠᠨ᠎ᠨᠢ᠂ ᠬᠣᠶ᠋ᠢᠰᠢᠳᠠ ᠵᠢᠨ ᠨᠢᠭᠡ ᠬᠡᠰᠡᠭ ᠬᠤᠭᠤᠴᠠᠭ᠋ᠠᠨ᠎ᠳᠠᠬᠢ ᠮᠠᠨ᠎ᠤ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠥᠷᠨᠢᠭᠦᠯᠬᠦ ᠴᠢᠬᠤᠯᠠ ᠵᠢᠷᠤᠮᠯᠠᠯ ᠪᠤᠯᠬᠤ ᠪᠤᠯᠤᠨ᠎ᠠ᠃ ᠪᠢᠳᠠ ᠡᠷᠬᠡᠪᠰᠢ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠰᠤᠷᠤᠯᠴᠠᠨ᠂ ᠭᠦᠨᠵᠡᠭᠡᠶ ᠣᠶ᠋ᠢᠯᠠᠭ᠋ᠠᠵᠤ᠂ ᠳᠡᠳ᠋ ᠶᠡᠷᠦᠩᠬᠡᠶ ᠰᠠᠶ᠋ᠢᠳ ᠯᠢᠦ ᠶᠠᠨ ᠳ᠋ᠦᠩ᠎ᠤᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠵᠢᠷᠤᠮᠯᠠᠵᠤ᠂ ᠨᠡᠶ᠋ᠢᠭᠡᠮ ᠵᠢᠷᠤᠮᠲᠤ ᠪᠠᠶ᠋ᠢᠭᠤᠯᠤᠯ᠎ᠤᠨ ᠳᠠᠪᠠᠭᠤᠯᠢᠭ ᠴᠢᠨᠠᠷ᠎ᠢ ᠭᠦᠢ᠍ᠴᠡᠳ ᠪᠠᠳᠠᠷᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠯᠠᠪᠳᠠᠭᠤᠨ ᠪᠠᠲᠤᠲᠠᠶ ᠪᠦᠭᠡᠳ ᠭᠦᠨᠵᠡᠭᠡᠶ ᠦᠷᠨᠢᠬᠦᠯᠬᠦ ᠦᠨᠳᠦᠰᠦᠲᠡᠨ᠎ᠤ ᠠᠰᠠᠭᠤᠳᠠᠯ᠎ᠢ ᠳᠤᠮᠳᠠᠳᠤ ᠤᠯᠤᠰ᠎ᠤᠨ ᠣᠨᠴᠠᠯᠢᠭ᠎ᠲᠠᠢ ᠰᠢᠢᠳᠪᠦᠷᠢᠯᠡᠬᠦ ᠵᠥᠪ ᠵᠠᠮ᠎ᠤᠨ ᠴᠢᠬᠤᠯᠠ ᠪᠦᠷᠢᠯᠳᠦᠬᠦᠨ ᠬᠡᠰᠡᠭ ᠪᠤᠯᠭ᠋ᠠᠵᠤ᠂ 《ᠳᠤᠮᠳᠠᠳᠤ ᠵᠢᠨ ᠦᠨᠳᠦᠰᠦᠲᠡᠨ ᠨᠢᠭᠡ ᠭᠡᠷ᠎ᠤᠨ ᠬᠥᠮᠦᠨ᠂ ᠰᠡᠳᠬᠢᠯ ᠰᠠᠨᠠᠭ᠎ᠠ᠎ᠪᠠᠨ ᠨᠢᠭᠡᠳᠬᠡᠨ ᠳᠤᠮᠳᠠᠳᠤ ᠤᠯᠤᠰ᠎ᠤᠨ ᠬᠦᠰᠡᠯ ᠵᠡᠭᠦᠳᠦ᠎ᠪᠠᠨ ᠲᠡᠷᠭᠡᠯᠰᠢᠬᠦᠯᠬᠦ》 ᠶᠡᠷᠦᠩᠬᠡᠶ ᠬᠠᠷᠠᠯᠲᠠ᠎ᠲᠠᠢ ᠨᠢᠭᠲᠠ ᠤᠶᠠᠯᠳᠤᠭᠤᠯᠤᠨ᠂ ᠬᠦᠮᠦᠨᠴᠢᠯᠡᠯᠲᠡ᠂ ᠢᠷᠬᠡᠨᠴᠢᠯᠡᠯ᠂ ᠴᠤᠭᠴᠠᠴᠢᠯᠠᠯᠲᠠ ᠵᠢᠨ ᠱᠠᠭ᠋ᠠᠷᠳᠠᠯᠭ᠎ᠠ ᠵᠢ ᠲᠤᠤᠱᠯᠠᠭᠤᠯᠵᠤ᠂ ᠡᠭᠦᠳᠦᠨ ᠪᠠᠶ᠋ᠢᠭᠤᠯᠬᠤ ᠠᠭᠤᠯᠤᠭᠳᠠᠬᠤᠨ᠎ᠢ ᠪᠠᠶᠠᠯᠢᠭᠵᠢᠭᠤᠯᠵᠤ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠨᠡᠶ᠋ᠢᠲᠡᠯᠢᠭ ᠵᠢᠱ᠌ᠢᠶ᠎ᠡ ᠵᠢᠨ ᠳᠠᠭᠤᠷᠢᠶᠠᠯ ᠦᠵᠡᠭᠦᠯᠬᠦ ᠦᠢ᠍ᠯᠡᠳᠦᠯ᠎ᠢ᠎ᠨᠢ ᠰᠠᠶ᠋ᠢᠲᠤᠷ ᠪᠠᠳᠠᠷᠠᠭᠤᠯᠬᠤ ᠬᠡᠷᠡᠭᠲᠡᠶ᠃ ᠦᠨᠳᠦᠰᠦᠲᠡᠨ᠎ᠤ ᠣᠷᠣᠨ᠎ᠤ ᠬᠥᠭᠵᠢᠯᠲᠡ ᠵᠢ ᠲᠦᠯᠬᠢᠨ ᠠᠬᠢᠭᠤᠯᠬᠤ᠎ᠲᠠᠢ ᠤᠶᠠᠯᠳᠤᠭᠤᠯᠵᠤ᠂ ᠲᠤᠢ᠌ᠯ᠎ᠤᠨ ᠤᠨᠤᠪᠴᠢᠲᠠᠢ᠎ᠪᠠᠷ ᠬᠠᠪᠰᠤᠷᠤᠨ ᠲᠡᠳᠭᠦᠭᠦ ᠪᠠ ᠲᠦᠷᠦ ᠵᠢᠨ ᠪᠤᠳᠤᠯᠭ᠎ᠠ ᠵᠢ ᠬᠡᠯᠪᠡᠢ᠌ᠯᠭᠡᠵᠤ᠂ ᠥᠪᠡᠷ᠎ᠢ᠎ᠪᠠᠨ ᠬᠥᠭᠵᠢᠭᠦᠯᠬᠦ ᠴᠢᠳᠠᠪᠤᠷᠢ ᠵᠢ ᠨᠡᠮᠡᠭᠳᠡᠭᠦᠯᠦᠨ᠂ ᠶᠠᠳᠠᠭᠤ᠎ᠠᠴᠠ ᠠᠩᠭᠢᠵᠢᠷᠠᠨ ᠴᠢᠨᠡᠭᠡᠯᠢᠭᠵᠢᠬᠦ ᠠᠯᠬᠤᠴᠠ ᠵᠢ ᠲᠦᠷᠭᠡᠳᠭᠡᠬᠦ ᠬᠡᠷᠡᠭᠲᠠᠢ᠃ ᠴᠥᠭᠡᠨ ᠲᠣᠭ᠋ᠠᠲᠤ ᠦᠨᠳᠦᠰᠦᠲᠡᠨ ᠪᠠ ᠦᠨᠳᠦᠰᠦᠲᠡᠨ᠎ᠤ ᠭᠠᠵᠠᠷ ᠣᠷᠣᠨ᠎ᠤ ᠰᠤᠷᠭ᠋ᠠᠨ ᠬᠥᠮᠦᠵᠢᠯ᠂ ᠡᠮᠴᠢᠯᠡᠭᠡ᠂ ᠠᠵᠢᠯ ᠣᠯᠭᠣᠯᠲᠠ ᠵᠡᠷᠭᠡ ᠠᠷᠠᠳ᠎ᠤᠨ ᠠᠮᠢᠳᠤᠷᠠᠯ᠎ᠢ ᠶᠡᠬᠡᠪᠡᠷ ᠰᠠᠶ᠋ᠢᠵᠢᠷᠠᠭᠤᠯᠵᠤ᠂ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢ ᠲᠡᠨᠭᠴᠡᠭᠦᠷᠢ᠎ᠲᠠᠢ ᠪᠣᠯᠭ᠋ᠠᠬᠤ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠪᠣᠳᠠᠲᠠᠶ ᠠᠰᠢᠭ ᠲᠤᠰᠠ ᠬᠦᠷᠲᠡᠭᠡᠨ᠂ ᠰᠡᠳᠬᠢᠯ ᠰᠠᠨᠠᠭ᠎ᠠ᠎ᠪᠠᠨ ᠨᠢᠭᠡᠳᠬᠡᠬᠦ ᠬᠡᠷᠡᠭᠲᠠᠢ᠃ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠬᠠᠷᠢᠯᠴᠠᠨ ᠰᠢᠬᠢᠳᠬᠦ ᠮᠠᠶᠢᠭ᠎ᠤᠨ ᠨᠡᠶ᠋ᠢᠭᠡᠮ᠎ᠤᠨ ᠪᠦᠲᠦᠴᠡ ᠪᠣᠯᠤᠨ ᠨᠡᠶ᠋ᠢᠭᠡᠮ ᠲᠣᠭᠣᠷᠢᠭ᠎ᠤᠨ ᠣᠷᠴᠢᠨ ᠠᠬᠤᠶ ᠵᠢ ᠪᠤᠢ ᠪᠤᠯᠭ᠋ᠠᠬᠤ ᠵᠢ ᠠᠬᠢᠭᠤᠯᠵᠤ᠂ ᠬᠠᠮᠲᠤᠪᠡᠷ ᠰᠠᠭᠤᠷᠢᠰᠢᠵᠤ᠂ ᠬᠠᠮᠲᠤᠪᠡᠷ ᠰᠤᠷᠬᠤ᠂ ᠬᠠᠮᠲᠤᠷᠠᠨ ᠠᠵᠢᠯᠯᠠᠬᠤ᠂ ᠬᠠᠮᠲᠤᠪᠡᠷ ᠪᠠᠶᠠᠰᠬᠤ ᠨᠡᠶ᠋ᠢᠭᠡᠮ᠎ᠤᠨ ᠨᠥᠬᠥᠴᠡᠯ᠎ᠢ ᠡᠭᠦᠳᠦᠨ ᠪᠠᠢ᠌ᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠳᠤᠮᠳᠠᠳᠤ ᠵᠢᠨ ᠦᠨᠳᠦᠰᠦᠲᠡᠨ᠎ᠤ ᠶᠡᠬᠡ ᠭᠡᠷ ᠪᠦᠯᠢ ᠵᠢᠨ ᠳᠣᠲᠣᠷ᠎ᠠ ᠬᠠᠷᠢᠯᠴᠠᠨ ᠳᠣᠲᠣᠨᠣᠴᠢᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠤᠯᠬᠤ ᠬᠡᠷᠡᠭᠲᠠᠢ᠃ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠵᠠᠰᠠᠵᠤ᠂ ᠦᠨᠳᠦᠰᠦᠲᠡᠨ᠎ᠤ ᠪᠦᠯᠬᠦᠮᠳᠡᠯ ᠪᠠ ᠡᠶ᠎ᠡ ᠵᠤᠬᠢᠴᠠᠯ᠎ᠢ ᠦᠨᠳᠦᠰᠦᠨ ᠬᠠᠤᠯᠢ ᠴᠠᠭ᠋ᠠᠵᠠ᠎ᠪᠠᠷ ᠪᠠᠲᠤᠯᠠᠬᠤ ᠬᠡᠷᠡᠭᠲᠠᠢ᠃ ᠬᠠᠮᠲᠤᠪᠡᠷ ᠡᠭᠦᠳᠬᠦ ᠪᠠ ᠬᠠᠮᠲᠤᠷᠠᠨ ᠬᠥᠳᠡᠯᠦᠯᠴᠡᠬᠦ ᠪᠠᠶ᠋ᠢᠷᠢᠰᠢᠯ᠎ᠢ ᠪᠦᠷᠢᠨᠰᠢᠬᠦᠯᠵᠤ᠂ ᠭᠣᠣᠯᠳᠠᠯᠭ᠎ᠠ᠎ᠨᠢ ᠡᠩ᠎ᠤᠨ ᠴᠠᠭ᠎ᠲᠤ ᠪᠠ ᠰᠡᠳᠬᠢᠯ ᠵᠶ᠋ᠠᠨ ᠨᠡᠪᠲᠡᠷᠡᠯᠴᠡᠬᠦ᠎ᠳᠤ ᠪᠠᠢ᠌ᠵᠤ᠂ ᠡᠭᠦᠳᠦᠨ ᠪᠠᠶ᠋ᠢᠭᠤᠯᠬᠤ ᠠᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠶ᠃
ᠬᠥᠲᠥᠯᠥᠭᠴᠢ᠄
ᠡᠴᠦᠰ᠎ᠲᠤ᠂ ᠲᠠ ᠮᠠᠨ᠎ᠤ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠤᠨ ᠲᠤᠬᠠᠶ ᠭᠣᠣᠯ ᠲᠤᠷᠰᠢᠯᠭ᠎ᠠ ᠡᠰᠡᠬᠦᠯ᠎ᠡ ᠰᠡᠩᠬᠡᠷᠡᠭᠦᠯᠦᠯ ᠵᠶ᠋ᠠᠨ ᠶᠠᠷᠢᠭ᠋ᠠᠳ ᠦᠭᠭᠦᠨ᠎ᠡ ᠤᠤ?
ᠶᠦᠨ ᠬᠦᠸᠸ ᠱᠸᠨᠭ᠄
ᠵᠠ᠃ ᠮᠢᠨᠦ ᠦᠵᠡᠬᠦ᠎ᠪᠠᠷ ᠮᠠᠨ᠎ᠤ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠤᠨ ᠠᠮᠵᠢᠯᠲᠠ ᠤᠯᠤᠭᠰᠠᠨ᠎ᠨᠢ ᠭᠣᠣᠯᠳᠠᠭᠤ ᠳᠣᠣᠷᠠᠬᠢ ᠬᠡᠳᠦᠨ ᠲᠠᠯ᠎ᠠ᠎ᠳᠤ ᠪᠤᠢ᠂ ᠨᠢᠭᠡ᠎ᠳᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠭᠤᠤᠯ ᠤᠳᠤᠷᠢᠳᠬᠤ᠎ᠪᠠᠷ ᠲᠤᠯᠬᠤ ᠴᠡᠭ ᠪᠤᠯᠭ᠋ᠠᠬᠤ ᠵᠢ ᠪᠠᠷᠢᠮᠲᠠᠯᠠᠭᠰᠠᠨ ᠪᠠᠢ᠌ᠨ᠎ᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ ᠪᠣᠯ ᠨᠢᠭᠡᠨ ᠰᠢᠰᠲ᠋ᠧᠮ᠎ᠲᠠᠢ ᠨᠡᠶ᠋ᠢᠭᠡᠮ᠎ᠤᠨ ᠢᠨᠵᠧᠨᠧᠷᠢᠩ ᠪᠣᠯᠤᠨ᠎ᠠ᠂ ᠲᠡᠷᠡ᠎ᠨᠢ ᠳᠡᠭᠡᠷ᠎ᠡ ᠳᠣᠣᠷ᠎ᠠ᠂ ᠡᠯ᠎ᠡ ᠲᠠᠯ᠎ᠠ ᠵᠢᠨ᠎ᠬᠢᠨ᠎ᠲᠠᠢ᠎ᠪᠠᠷ ᠬᠤᠯᠪᠤᠭᠳᠠᠨ᠎ᠠ᠃ ᠤᠯᠤᠰ ᠬᠦᠷᠦᠨ᠎ᠤ ᠱᠠᠭ᠋ᠠᠷᠳᠠᠯᠭ᠎ᠠ ᠪᠣᠯᠤᠨ ᠮᠠᠨ᠎ᠤ ᠣᠷᠣᠨ᠎ᠤ ᠣᠶ᠋ᠢᠷ᠎ᠠ ᠵᠢᠨ ᠬᠡᠳᠦᠨ ᠵᠢᠯ᠎ᠤᠨ ᠠᠵᠢᠯ ᠥᠷᠨᠢᠭᠦᠯᠵᠦ ᠪᠠᠶ᠋ᠢᠭ᠎ᠠ ᠪᠠᠶ᠋ᠢᠳᠠᠯ᠎ᠠᠴᠠ ᠠᠪᠴᠤ ᠦᠵᠡᠪᠡᠯ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠢ᠌ᠭᠤᠯᠬᠤ ᠠᠵᠢᠯᠯᠠᠭ᠎ᠠ ᠵᠢ ᠦᠷ᠎ᠡ ᠪᠦᠲᠦᠮᠵᠢ ᠭᠠᠷᠭ᠋ᠠᠶᠠ ᠬᠡᠪᠡᠯ᠂ ᠡᠷᠬᠡᠪᠰᠢ ᠨᠢᠭᠡᠳᠦᠭᠡᠷ ᠭᠠᠷᠤᠨ ᠢᠨᠵᠸᠨ᠋ᠸᠷᠢᠨᠭ ᠪᠤᠯᠭ᠋ᠠᠵᠤ᠂ ᠨᠠᠮ᠎ᠤᠨ ᠬᠣᠷᠢᠶ᠎ᠠ᠎ᠠᠴᠠ ᠤᠳᠤᠷᠢᠳᠴᠤ᠂ ᠵᠠᠰᠠᠭ᠎ᠤᠨ ᠣᠷᠳᠣᠨ᠎ᠠᠴᠠ ᠬᠠᠷᠢᠭᠤᠴᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠬᠠᠮᠵᠢᠯᠴᠠᠨ᠂ ᠨᠡᠶ᠋ᠢᠭᠡᠮ ᠳᠠᠶᠠᠭ᠋ᠠᠷ ᠥᠷᠭᠡᠨ ᠵᠶ᠋ᠠᠷ ᠤᠷᠤᠯᠴᠠᠭᠰᠠᠨ ᠠᠵᠢᠯ᠎ᠤᠨ ᠪᠠᠶ᠋ᠢᠷᠢᠰᠢᠯ᠎ᠢ ᠪᠤᠢ ᠪᠤᠯᠭ᠋ᠠᠬᠤ ᠬᠡᠷᠡᠭᠲᠠᠢ᠃ ᠬᠣᠶᠠᠷ᠎ᠲᠤ ᠨᠠᠮ᠎ᠤᠨ ᠦᠨᠳᠦᠰᠦᠲᠡᠨ᠎ᠤ ᠲᠦᠷᠦ ᠵᠢᠨ ᠪᠣᠳᠣᠯᠭ᠎ᠠ ᠵᠢ ᠲᠤᠤᠱᠯᠠᠭᠤᠯᠬᠤ᠎ᠪᠠᠷ ᠡᠬᠢᠯᠡᠴᠡ ᠪᠤᠯᠭ᠋ᠠᠬᠤ ᠵᠢ ᠪᠠᠷᠢᠮᠲᠠᠯᠠᠭᠰᠠᠨ ᠪᠠᠢ᠌ᠨ᠎ᠠ᠃ ᠨᠠᠮ᠎ᠤᠨ ᠦᠨᠳᠦᠰᠦᠲᠡᠨ᠎ᠤ ᠲᠤᠬᠠᠶ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢ ᠡᠷᠡᠰ ᠭᠤᠶ᠋ᠢᠪᠢᠰᠢ ᠦᠭᠡᠢ ᠪᠦᠬᠦ ᠲᠠᠯ᠎ᠠ᠎ᠪᠠᠷ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠦᠨᠳᠦᠰᠦᠲᠡᠨ᠎ᠤ ᠲᠤᠬᠠᠶ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠤᠯᠤᠨ ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢ ᠦᠨᠳᠦᠰᠦᠲᠡᠨ᠎ᠤ ᠠᠵᠢᠯ᠎ᠤᠨ ᠡᠯ᠎ᠡ ᠲᠠᠯ᠎ᠠ᠎ᠳᠤ᠂ ᠡᠯ᠎ᠡ ᠭᠤᠭᠴᠤᠭ᠎ᠠ᠎ᠳᠤ ᠦᠨᠡᠨ ᠬᠦ᠌ ᠨᠠᠶ᠋ᠢᠳᠠᠪᠤᠷᠢᠵᠢᠭᠤᠯᠵᠤ᠂ ᠦᠨᠳᠦᠰᠦᠲᠡᠨ᠎ᠤ ᠪᠦᠯᠬᠦᠮᠳᠡᠯ᠂ ᠨᠡᠶ᠋ᠢᠭᠡᠮ᠎ᠤᠨ ᠠᠮᠤᠷ ᠲᠣᠭᠲᠠᠭᠤᠨ᠂ ᠬᠢᠯᠢ ᠬᠢᠵᠠᠭ᠋ᠠᠷ᠎ᠤᠨ ᠲᠠᠢ᠌ᠪᠤᠨᠭ᠌ ᠲᠣᠭᠲᠠᠭᠤᠨ ᠪᠠ ᠤᠯᠤᠰ ᠣᠷᠣᠨ᠎ᠤ ᠨᠢᠭᠡᠳᠦᠯ᠎ᠢ ᠬᠠᠮᠠᠭ᠋ᠠᠯᠠᠭᠰᠠᠨ᠂ ᠴᠥᠭᠡᠨ ᠲᠣᠭ᠋ᠠᠲᠤ ᠦᠨᠳᠦᠰᠦᠲᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠭᠰᠠᠨ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ ᠦᠢ᠍ᠯᠡᠰ᠎ᠢ ᠠᠬᠢᠭᠤᠯᠤᠭᠰᠠᠨ ᠯᠤᠲᠤ ᠶᠡᠬᠡ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠠᠢ᠃
ᠭᠤᠷᠪᠠ᠎ᠳᠤ ᠭᠣᠣᠯ ᠠᠵᠢᠯ᠎ᠲᠠᠢ ᠤᠶᠠᠯᠳᠤᠭᠤᠯᠬᠤ ᠵᠢ ᠬᠦᠴᠦᠯᠡᠬᠦ ᠴᠢᠭ᠋ ᠪᠣᠯᠭ᠋ᠠᠬᠤ ᠵᠢ ᠪᠠᠷᠢᠮᠲᠠᠯᠠᠨ᠎ᠠ᠃ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠦᠷᠨᠢᠭᠦᠯᠬᠦ ᠶᠡᠷᠦᠩᠬᠡᠶ ᠱᠠᠭ᠋ᠠᠷᠳᠠᠯᠭ᠎ᠠ᠎ᠨᠢ ᠭᠣᠣᠯ ᠠᠵᠢᠯ᠎ᠲᠠᠢ ᠤᠶᠠᠯᠳᠤᠭᠤᠯᠤᠨ᠂ ᠶᠡᠬᠡ ᠲᠠᠯ᠎ᠠ᠎ᠳᠤ ᠦᠢ᠍ᠯᠡᠴᠢᠯᠡᠵᠦ᠂ ᠭᠠᠵᠠᠷ ᠣᠷᠣᠨ᠎ᠤ ᠪᠣᠳᠠᠲᠠᠶ ᠪᠠᠶ᠋ᠢᠳᠠᠯ᠎ᠳᠤᠨᠢ ᠲᠣᠬᠢᠷᠠᠭᠤᠯᠵᠤ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ ᠪᠣᠯᠣᠨ᠎ᠠ᠃ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠪᠥᠬᠥ ᠲᠠᠯ᠎ᠠ᠎ᠳᠤ ᠬᠣᠯᠪᠣᠭᠳᠠᠬᠤ ᠶᠡᠬᠡ ᠶᠠᠪᠤᠳᠠᠯ ᠪᠣᠯᠭ᠋ᠠᠨ ᠦᠵᠡᠵᠦ᠂ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠭᠣᠣᠯ ᠠᠵᠢᠯ᠎ᠲᠠᠢ ᠨᠢᠭᠲᠠ ᠤᠶᠠᠯᠳᠤᠭᠤᠯᠤᠨ᠂ ᠲᠡᠭᠦᠨ᠎ᠢ ᠲᠤᠰ ᠭᠠᠵᠠᠷ ᠣᠷᠣᠨ᠎ᠤ᠎ᠪᠠᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠶᠡᠷᠦᠩᠬᠡᠶ ᠲᠥᠯᠥᠪᠵᠢᠭᠦᠯᠭᠡ᠎ᠳᠤ ᠣᠷᠣᠭᠤᠯᠵᠤ᠂ ᠡᠯ᠎ᠡ ᠵᠦᠢ᠍ᠯ᠎ᠤᠨ ᠠᠵᠢᠯ᠎ᠤᠨ ᠳᠤᠮᠳᠠ ᠠᠭᠤᠰᠬᠠᠨ ᠣᠷᠣᠭᠤᠯᠵᠤ ᠪᠦᠬᠦᠶ᠋ᠢᠯᠡ᠎ᠳᠤᠨᠢ ᠳᠥᠯᠭᠢᠨ ᠠᠬᠢᠭᠤᠯᠤᠨ᠎ᠠ᠃ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠨᠡᠶ᠋ᠢᠭᠡᠮ᠎ᠤᠨ ᠢᠨᠵᠧᠨᠧᠷᠢᠩ ᠪᠣᠯᠭ᠋ᠠᠨ ᠪᠠᠢ᠌ᠷᠢᠯᠠᠭᠤᠯᠵᠤ᠂ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ ᠲᠥᠪᠰᠢᠨ᠎ᠢ ᠳᠡᠭᠡᠭᠰᠢᠯᠡᠭᠦᠯᠬᠦ᠎ᠲᠠᠢ ᠤᠶᠠᠯᠳᠤᠭᠤᠯᠤᠨ᠂ ᠶᠠᠳᠠᠭᠤ ᠵᠢ ᠲᠡᠳᠬᠦᠬᠦ ᠰᠢᠪᠲᠤᠯᠤᠯᠲᠠ ᠪᠣᠯᠣᠨ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠎ᠲᠠᠢ ᠤᠶᠠᠯᠳᠤᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠰᠠᠭᠤᠷᠢ ᠵᠢ ᠦᠨᠡᠨᠬᠦ ᠪᠡᠬᠢᠵᠢᠭᠦᠯᠦᠨ᠂ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠭᠣᠣᠯ ᠠᠵᠢᠯ᠎ᠳᠤ ᠪᠦᠯᠬᠦᠮᠳᠡᠯ᠎ᠲᠠᠢ ᠲᠣᠭᠲᠠᠭᠤᠨ ᠪᠠᠶ᠋ᠢᠬᠤ ᠰᠠᠢ᠌ᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠵᠤ ᠥᠭᠭᠦᠨ᠎ᠡ᠃
ᠲᠦᠷᠪᠡ᠎ᠳᠤ 《ᠵᠢᠷᠭᠤᠭ᠋ᠠᠨ ᠣᠷᠣᠭᠤᠯᠬᠤ》᠎ᠪᠠᠷ ᠭᠠᠷᠳᠠᠴᠠ ᠪᠣᠯᠭ᠋ᠠᠬᠤ ᠵᠢ ᠪᠠᠷᠢᠮᠲᠠᠯᠠᠨ᠎ᠠ᠃ 《 ᠵᠢᠷᠭᠤᠭ᠋ᠠᠨ ᠣᠷᠣᠭᠤᠯᠬᠤ》᠎ᠨᠢ ᠡᠴᠦᠰ᠎ᠤᠨ ᠡᠴᠦᠰ᠎ᠲᠡᠭᠡᠨ ᠳᠠᠷᠤᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠤᠨ ᠵᠠᠩᠭᠢᠯᠠᠭ᠎ᠠ ᠵᠢᠨ ᠬᠦᠷᠢᠶ᠎ᠡ ᠪᠣᠯᠣᠨ ᠵᠠᠩᠭᠢᠯᠠᠭ᠎ᠠ ᠵᠢᠨ ᠭᠣᠭᠴᠣᠭ᠎ᠠ ᠵᠢ ᠠᠳᠬᠤᠵᠤ᠂ ᠠᠵᠢᠯ ᠵᠶ᠋ᠠᠨ ᠬᠠᠮᠤᠭ᠎ᠤᠨ ᠦᠨᠳᠦᠰᠦᠨ ᠱᠠᠲᠤ᠂ ᠠᠷᠠᠳ ᠲᠦᠮᠡᠨ᠎ᠤ ᠳᠤᠮᠳᠠ ᠨᠠᠢ᠌ᠳᠠᠪᠤᠷᠢᠵᠢᠭᠤᠯᠵᠤ᠂ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠦᠨᠳᠦᠰᠦᠨ ᠱᠠᠲᠤᠨ᠎ᠤ ᠰᠠᠭᠤᠷᠢ ᠪᠥᠳᠥᠭᠡᠨ ᠪᠠᠶ᠋ᠢᠭᠤᠯᠤᠯᠲᠠ ᠵᠢ ᠪᠡᠬᠢᠵᠢᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠳ᠎ᠨᠢ ᠪᠦᠬᠦ ᠣᠷᠣᠨ᠎ᠤ 《ᠨᠢᠭᠡᠨ ᠬᠥᠯᠭᠡ ᠰᠢᠳᠡᠷ᠎ᠠ》 ᠵᠢᠨ ᠦᠵᠡᠯ ᠰᠠᠨᠠᠭ᠎ᠠ ᠵᠢ ᠪᠣᠢ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠳᠠ᠂ ᠬᠣᠰᠢᠭᠤ ᠰᠢᠶᠠᠨ (ᠬᠣᠲᠠ᠂ ᠲᠣᠭᠣᠷᠢᠭ) ᠭᠤᠷᠪᠠᠨ ᠱᠠᠲᠤ ᠵᠢᠨ᠎ᠬᠢᠨ ᠬᠠᠮᠲᠤᠷᠠᠨ ᠬᠥᠳᠡᠯᠦᠯᠴᠡᠬᠦ ᠵᠢ ᠲᠦᠯᠬᠢᠨ ᠠᠬᠢᠭᠤᠯᠵᠤ᠂ ᠡᠭᠦᠳᠦᠨ ᠪᠠᠶ᠋ᠢᠭᠤᠯᠬᠤ ᠠᠵᠢᠯᠯᠠᠭ᠎ᠠ ᠵᠢᠨ 《 ᠵᠢᠷᠭᠤᠭ᠋ᠠᠨ ᠣᠷᠣᠭᠤᠯᠬᠤ》 ᠵᠢᠭᠰᠠᠭ᠋ᠠᠯ᠎ᠤᠨ ᠭᠠᠵᠠᠷ᠎ᠢ ᠲᠠᠰᠤᠷᠠᠯᠲᠠ ᠦᠭᠡᠢ ᠥᠷᠭᠡᠳᠬᠡᠵᠦ᠂ ᠪᠦᠬᠦᠨ᠎ᠢ ᠬᠠᠮᠤᠷᠬᠤ᠂ ᠪᠠᠯᠠᠶ ᠴᠢᠭ᠋ ᠦᠭᠡᠢ ᠪᠠᠢ᠌ᠬᠤ ᠵᠢ ᠪᠡᠶᠡᠯᠡᠭᠦᠯᠦᠨ᠎ᠡ᠃ ᠡᠭᠦᠳᠦᠨ ᠪᠠᠶ᠋ᠢᠭᠤᠯᠬᠤ ᠠᠵᠢᠯᠯᠠᠭ᠎ᠠ᠎ᠳᠠᠬᠢ ᠪᠠᠶ᠋ᠢᠭᠤᠯᠭ᠎ᠠ᠂ ᠠᠵᠤ ᠠᠬᠤᠶ᠋ᠢᠯᠠᠯ᠂ ᠨᠡᠶ᠋ᠢᠭᠡᠮ ᠲᠣᠭᠣᠷᠢᠭ᠂ ᠰᠢᠶᠠᠩ ᠪᠠᠯᠭ᠋ᠠᠰᠤ᠂ ᠰᠤᠷᠭ᠋ᠠᠭᠤᠯᠢ᠂ ᠰᠦᠮ᠎ᠡ ᠬᠡᠶ᠋ᠢᠳ᠎ᠤᠨ 《ᠭᠣᠣᠯ ᠵᠢᠭᠰᠠᠭ᠋ᠠᠯ᠎ᠤᠨ ᠭᠠᠵᠠᠷ᠂ ᠭᠣᠣᠯ ᠠᠷᠭ᠎ᠠ ᠵᠠᠮ》 ᠪᠣᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠤᠷᠢᠳᠠᠪᠠᠷ ᠬᠢᠯᠪᠠᠷ ᠳᠠᠷᠠᠭ᠎ᠠ᠎ᠨᠢ ᠬᠦᠴᠢᠷ᠎ᠲᠠᠢ ᠵᠢ ᠰᠢᠢ᠍ᠳᠪᠦᠷᠢᠯᠡᠬᠦ ᠠᠷᠭ᠎ᠠ ᠠᠪᠴᠤ᠂ ᠳᠡᠰ ᠳᠠᠪᠬᠤᠷᠭ᠎ᠠ ᠬᠣᠪᠢᠶᠠᠨ᠂ ᠲᠥᠷᠥᠯ ᠢᠯᠭ᠋ᠠᠯ ᠬᠢᠬᠦ ᠠᠷᠭ᠎ᠠ ᠮᠠᠶᠢᠭ ᠵᠶ᠋ᠡᠷ ᠠᠯᠬᠤᠮ ᠠᠯᠬᠤᠮ ᠵᠶ᠋ᠠᠷ ᠲᠦᠯᠬᠢᠨ ᠠᠬᠢᠭᠤᠯᠤᠨ᠎ᠠ᠃ ᠨᠥᠬᠥᠴᠡᠯ᠎ᠲᠠᠢ ᠭᠠᠵᠠᠷ ᠣᠷᠣᠨ᠎ᠨᠢ ᠪᠠᠰᠠ ᠮᠠᠨ᠎ᠤ ᠣᠷᠣᠨ᠎ᠤ ᠡᠭᠡ ᠤᠯᠤᠰ᠎ᠤᠨ ᠤᠮᠠᠷᠠᠲᠤ ᠬᠢᠯᠢ ᠬᠢᠵᠠᠭ᠋ᠠᠷᠲᠤ ᠰᠠᠭᠤᠷᠢᠰᠢᠵᠤ ᠪᠠᠶ᠋ᠢᠭ᠎ᠠ ᠪᠣᠳᠠᠲᠤ ᠪᠠᠢ᠌ᠳᠠᠯ᠎ᠳᠤ ᠰᠠᠭᠤᠷᠢᠯᠠᠨ᠂ ᠴᠡᠷᠢᠭ᠎ᠤᠨ (ᠴᠠᠭᠳᠠᠭ᠎ᠠ) ᠬᠤᠸᠠᠷᠠᠭ᠎ᠲᠤ ᠣᠷᠣᠬᠤ ᠵᠡᠷᠭᠡ ᠣᠨᠴᠠᠯᠢᠭ ᠪᠦᠬᠦᠢ ᠡᠭᠦᠳᠦᠨ ᠪᠠᠶ᠋ᠢᠭᠤᠯᠬᠤ ᠲᠥᠷᠥᠯ ᠬᠡᠯᠪᠡᠷᠢ ᠵᠢ ᠬᠠᠢ᠌ᠨ ᠰᠦᠪᠡᠭᠴᠢᠯᠡᠵᠦ᠂ ᠡᠭᠦᠳᠦᠨ ᠪᠠᠶ᠋ᠢᠭᠤᠯᠬᠤ ᠬᠦᠷᠢᠶ᠎ᠡ ᠴᠠᠷᠠᠭ᠎ᠠ ᠵᠢ ᠢᠳᠡᠪᠬᠢᠲᠡᠢ ᠥᠷᠭᠡᠳᠬᠡᠨ᠎ᠡ᠃ ᠲᠠᠪᠤ᠎ᠳᠤ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠎ᠪᠠᠷ ᠡᠴᠦᠰ᠎ᠤᠨ ᠬᠠᠷᠠᠯᠲᠠ ᠪᠣᠯᠭ᠋ᠠᠬᠤ ᠵᠢ ᠪᠠᠷᠢᠮᠲᠠᠯᠠᠨ᠎ᠠ᠃ ᠶᠡᠷᠦᠩᠬᠡᠶ ᠱᠦᠵᠢ ᠰᠢ ᠵᠢᠨ ᠫᠢᠩ ᠵᠢᠭ᠋ᠠᠵᠤ ᠭᠠᠷᠭ᠋ᠠᠭᠰᠠᠨ᠎ᠨᠢ᠂ ᠣᠯᠠᠨ ᠲᠦᠮᠡᠨ᠎ᠤ ᠰᠠᠢ᠌ᠨ ᠰᠠᠶ᠋ᠢᠬᠠᠨ ᠠᠮᠢᠳᠤᠷᠠᠯ᠎ᠤᠨ ᠲᠣᠬᠠᠢ ᠬᠦᠰᠡᠯ ᠡᠷᠡᠮᠡᠯᠵᠡᠯ᠎ᠨᠢ ᠳᠠᠷᠤᠶ ᠮᠠᠨ᠎ᠤ ᠲᠡᠮᠡᠴᠡᠯ᠎ᠤᠨ ᠬᠠᠷᠠᠯᠲᠠ ᠪᠣᠯᠣᠨ᠎ᠠ᠃ ᠣᠳᠣᠬᠠᠨ᠎ᠳᠤ᠂ ᠴᠥᠭᠡᠨ ᠲᠣᠭ᠋ᠠᠲᠤ ᠦᠨᠳᠦᠰᠦᠲᠡᠨ ᠪᠠ ᠴᠥᠭᠡᠨ ᠲᠣᠭ᠋ᠠᠲᠤ ᠦᠨᠳᠦᠰᠦᠲᠡᠨ᠎ᠤ ᠲᠥᠪᠯᠡᠷᠡᠨ ᠰᠠᠭᠤᠭ᠎ᠠ ᠭᠠᠵᠠᠷ ᠣᠷᠣᠨ᠎ᠤ ᠬᠥᠭᠵᠢᠯᠲᠡ ᠵᠢ ᠲᠦᠷᠭᠡᠳᠬᠡᠬᠦ ᠠᠰᠠᠭᠤᠳᠠᠯ᠎ᠨᠢ ᠨᠢᠭᠡᠨᠲᠡ ᠮᠠᠨ᠎ᠤ ᠣᠷᠣᠨ ᠤ ᠦᠨᠳᠦᠰᠦᠲᠡᠨ᠎ᠤ ᠭᠠᠵᠠᠷ ᠣᠷᠣᠨ᠎ᠳᠤ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ ᠬᠠᠷᠠᠯᠲᠠ ᠵᠢ ᠤᠷᠢᠳᠴᠢᠯᠡᠨ ᠪᠡᠶᠡᠯᠡᠭᠦᠯᠬᠦ ᠵᠢᠨ ᠪᠣᠭᠣᠮᠢ ᠪᠣᠯᠵᠤ ᠪᠤᠢ᠂ ᠮᠦᠨ ᠴᠤ᠌ ᠣᠳᠣᠬᠢ ᠱᠠᠲᠤᠨ᠎ᠳᠠᠬᠢ ᠮᠠᠨ᠎ᠤ ᠣᠷᠣᠨ᠎ᠤ ᠦᠨᠳᠦᠰᠦᠲᠡᠨ᠎ᠤ ᠠᠵᠢᠯ᠎ᠤᠨ ᠲᠡᠷᠢᠭᠦᠨ ᠴᠢᠬᠤᠯᠠ ᠭᠣᠣᠯ ᠠᠰᠠᠭᠤᠳᠠᠯ ᠪᠣᠯᠣᠨ᠎ᠠ᠃ 《ᠬᠣᠶᠠᠷ ᠬᠠᠮᠲᠤ ᠵᠢᠨ》 ᠦᠨᠳᠦᠰᠦᠲᠡᠨ᠎ᠤ ᠠᠵᠢᠯ᠎ᠤᠨ ᠭᠣᠣᠯ ᠰᠡᠳᠦᠪ᠎ᠲᠠᠢ ᠨᠢᠭᠲᠠ ᠤᠶᠠᠯᠳᠤᠭᠤᠯᠤᠨ᠂ ᠶᠡᠬᠡ᠎ᠪᠠᠷ ᠵᠣᠷᠢᠭ ᠰᠢᠭᠤᠳᠤᠨ᠂ ᠶᠡᠬᠡ ᠬᠦᠴᠦ ᠣᠷᠣᠭᠤᠯᠵᠤ᠂ ᠲᠤᠰ ᠣᠷᠣᠨ ᠪᠦᠰᠡ᠎ᠳᠠᠬᠢ ᠴᠥᠭᠡᠨ ᠲᠣᠭ᠋ᠠᠲᠤ ᠦᠨᠳᠦᠰᠦᠲᠡᠨ᠎ᠤ ᠲᠥᠪᠯᠡᠷᠡᠨ ᠰᠠᠭᠤᠵᠤ ᠪᠠᠶ᠋ᠢᠭ᠎ᠠ ᠭᠠᠵᠠᠷ ᠣᠷᠣᠨ᠎ᠤ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ ᠬᠦᠴᠦᠯᠡᠨ ᠰᠠᠢ᠌ᠵᠢᠷᠠᠭᠤᠯᠵᠤ᠂ ᠴᠥᠭᠡᠨ ᠲᠣᠭ᠋ᠠᠲᠤ ᠦᠨᠳᠦᠰᠦᠲᠡᠨ᠎ᠤ ᠣᠯᠠᠨ ᠲᠦᠮᠡᠨ᠎ᠢ ᠰᠠᠢ᠌ᠨ ᠰᠠᠢ᠌ᠬᠠᠨ ᠠᠮᠢᠳᠤᠷᠠᠭᠤᠯᠤᠨ᠎ᠠ᠃ ᠡᠭᠦᠨ᠎ᠤ ᠬᠠᠮᠲᠤ᠂ ᠴᠥᠭᠡᠨ ᠲᠣᠭ᠋ᠠᠲᠤ ᠦᠨᠳᠦᠰᠦᠲᠡᠨ ᠪᠠ ᠴᠥᠭᠡᠨ ᠲᠣᠭ᠋ᠠᠲᠤ ᠦᠨᠳᠦᠰᠦᠲᠡᠨ᠎ᠤ ᠲᠥᠪᠯᠡᠷᠡᠨ ᠰᠠᠭᠤᠭᠰᠠᠨ ᠣᠷᠣᠨ᠎ᠤ ᠺᠠᠳ᠋ᠷ ᠤᠯᠠᠨ ᠲᠦᠮᠡᠨ ᠪᠠᠰᠠ ᠬᠦᠯᠢᠶᠡᠬᠦ᠂ ᠲᠦᠰᠢᠬᠦ᠂ ᠠᠪᠬᠤ ᠦᠵᠡᠯ ᠰᠠᠨᠠᠭ᠎ᠠ᠎ᠪᠠᠨ ᠲᠠᠶᠠᠭᠳᠠᠵᠤ᠂ ᠥᠪᠡᠷ᠎ᠤᠨ ᠬᠦᠴᠦ᠎ᠪᠠᠷ ᠵᠶ᠋ᠠᠨ ᠲᠡᠭᠵᠢᠷᠡᠨ᠂ ᠪᠡᠶ᠎ᠡ᠎ᠪᠠᠨ ᠳᠠᠭ᠋ᠠᠭ᠋ᠠᠵᠤ ᠬᠥᠭᠵᠢᠬᠦ ᠬᠡᠷᠡᠭᠲᠡᠢ᠃ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢᠨ ᠠᠭᠤᠯᠭ᠎ᠠ ᠳᠣᠲᠣᠷ᠎ᠠ ᠤᠷᠣᠭᠤᠯᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠵᠡᠷᠭᠡ᠎ᠳᠤ᠎ᠨᠢ ᠪᠠᠢ᠌ᠭᠤᠯᠤᠨ ᠪᠦᠲᠦᠭᠡᠬᠦ ᠵᠢ ᠪᠡᠶᠡᠯᠡᠭᠦᠯᠦᠨ᠂ ᠦᠨᠳᠦᠰᠦᠲᠡᠨ ᠨᠥᠬᠥᠳ᠎ᠲᠤ ᠥᠭᠡᠷᠡᠴᠢᠯᠡᠯᠲᠡ ᠬᠥᠭᠵᠢᠯᠲᠡ ᠵᠢᠨ ᠠᠰᠢᠭ᠎ᠢ ᠬᠠᠮᠲᠤᠪᠡᠷ ᠡᠳ᠋ᠯᠡᠭᠦᠯᠬᠦ᠎ᠪᠠᠷ ᠴᠢᠷᠮᠠᠢ᠌ᠨ᠎ᠠ᠃
ᠬᠥᠲᠥᠯᠥᠭᠴᠢ᠄
ᠵᠠ ᠲᠡᠭᠡᠶᠠ᠂ ᠡᠷᠬᠢᠯᠡᠭᠴᠢ ᠵᠢᠨ ᠭᠣᠶ᠋ᠢᠳᠠ ᠰᠠᠶ᠋ᠢᠬᠠᠨ ᠲᠠᠢ᠌ᠯᠦᠮᠵᠢ ᠬᠢᠭᠰᠡᠨ᠎ᠳᠤ ᠲᠠᠯᠠᠷᠬᠠᠵᠤ ᠪᠠᠶ᠋ᠢᠨ᠎ᠠ᠂ ᠲᠣᠰ ᠬᠤᠭᠤᠴᠠᠭ᠋ᠠᠨ᠎ᠤ ᠰᠤᠷᠪᠤᠯᠵᠢᠯᠠᠭ᠎ᠠ ᠡᠨᠳᠡ ᠭᠦᠷᠦᠭᠡᠳ ᠲᠡᠭᠦᠰᠦᠯ᠎ᠡ᠂ ᠲᠠᠷᠠᠭ᠋ᠠᠴᠢ ᠵᠢᠨ ᠫᠷᠦᠭᠷᠡᠮ᠎ᠳᠤ ᠪᠠᠶᠠᠷᠲᠠᠢ᠌ᠬᠠᠨ ᠠᠭᠤᠯᠵᠠᠶ᠎ᠠ!